ᠮᠠᠯ ᠲᠠᠷᠢᠶᠠᠯᠠᠩ ᠤᠨ ᠪᠦᠳᠦᠭᠡᠭᠳᠡᠭᠦᠨ ᠤ ᠨᠠᠷᠠᠳᠤ ᠲᠡᠮᠳᠡᠭ ᠨᠢ ᠤᠷᠤᠨ ᠨᠤᠳᠤᠭ ᠤᠨ ᠨᠠᠷᠠ ᠠᠯᠳᠠᠷᠰᠢᠯ ᠪᠤᠯᠤᠨ | ᠦᠷᠢᠰᠦᠯᠳᠤᠬᠦ ᠭᠦᠴᠦᠨ ᠢ ᠲᠡᠭᠡᠭᠰᠢᠯᠡᠭᠦᠯᠭᠦ ᠳᠤ ᠢᠳᠡᠪᠭᠢᠳᠡᠢ ᠨᠦᠯᠦᠭᠡ ᠦᠵᠡᠬᠦᠯᠳᠡᠭ ᠠᠴᠠ ᠤᠲᠤᠭ ᠤᠨ ᠡᠮᠦᠨᠡᠲᠤ | ᠬᠤᠰᠢᠭᠤ ᠨᠢ ᠦᠢᠷ᠎ᠠ ᠶᠢᠨ ᠵᠢᠯ ᠤᠳ ᠲᠤ ᠮᠠᠯ ᠲᠠᠷᠢᠶᠠᠯᠠᠩ ᠤᠨ ᠤᠶᠢᠯᠡᠰ ᠤᠨ ᠨᠡᠷᠡᠳᠤ ᠲᠡᠮᠳᠡᠭ ᠢ ᠭᠦᠴᠦᠯᠡᠨ | ᠡᠭᠦᠳᠴᠤ᠂ ᠨᠡᠷᠡᠳᠤ ᠲᠡᠮᠳᠡᠭ ᠤᠨ ᠪᠠᠶᠢᠭᠤᠯᠤᠯᠳᠠ ᠪᠠᠷ ᠮᠠᠯ ᠲᠠᠷᠢᠶᠠᠯᠠᠩ ᠤᠨ ᠤᠶᠢᠯᠡᠰ ᠤᠨ ᠭᠦᠭᠵᠢᠯᠳᠠ ᠶᠢᠨ ᠠᠷᠭ᠎ᠠ | ᠭᠡᠯᠪᠡᠷᠢ ᠪᠠᠨ ᠬᠤᠪᠢᠷᠠᠭᠤᠯᠵᠤ᠂ ᠠᠵᠤ ᠤᠶᠢᠯᠡᠰ ᠤᠨ ᠪᠦᠳᠦᠴᠡ ᠳᠤ ᠪᠠᠨ ᠳᠤᠬᠢᠷᠠᠭᠤᠯᠤᠯᠳᠠ ᠬᠢᠵᠤ ᠪᠠᠶᠢᠨ᠎ᠠ᠃ | ᠪᠤᠷᠤᠪᠠᠯᠭᠠᠰᠤ ᠪᠠᠯᠭᠠᠰᠤᠨ ᠤ ᠭᠤᠤ ᠴᠤᠤ ᠫᠠᠨ ᠲᠤᠰᠬᠤᠨ ᠤ ᠭᠤᠯᠳᠤᠩ ᠭᠦᠯᠡᠮᠵᠢ ᠶᠢᠨ ᠬᠠᠮᠤᠭ ᠰᠡᠭᠦᠯᠴᠢ ᠶᠢᠨ | ᠨᠢᠭᠡ ᠬᠤᠭᠤᠴᠠᠭᠠᠨ ᠤ ᠯᠠᠵᠤᠤ ᠨᠢ ᠦᠢᠷ᠎ᠠ ᠳᠤ ᠬᠤᠰᠢᠭᠤᠨ ᠤ ᠵᠠᠬ᠎ᠠ ᠲᠡᠯᠭᠡᠭᠦᠷ ᠲᠤ ᠪᠦᠬᠦᠨ ᠢᠶᠠᠷ ᠢᠶᠠᠨ | ᠪᠤᠷᠤᠯᠠᠭᠤᠯᠤᠭᠳᠠᠪᠠ᠃ ᠡ᠊ᠨᠳᠡᠬᠢ ᠶᠢᠨ ᠯᠠᠵᠤᠤ ᠨᠢ ᠴᠦᠮ ︽ᠶᠢᠤᠵᠸᠤ︾ ᠳᠡᠮᠳᠡᠭᠳᠤ ᠯᠠᠵᠤᠤ ᠪᠤᠯᠤᠨ᠎ᠠ᠃ ᠲᠡᠭᠡᠷ᠎ᠠ | ᠵᠠᠭᠤᠨ ᠤ ᠶᠡᠷᠡᠭᠡᠳ ᠤᠨ ᠤ ᠦᠶ᠎ᠠ ᠳᠤ ︽ᠶᠢᠤᠵᠸᠤ︾ ᠲᠡᠮᠳᠡᠭᠳᠤ ᠯᠠᠵᠤᠤ ᠨᠢ ᠤᠯᠠᠨ ᠭᠠᠵᠠᠷ ᠲᠤ ᠨᠠᠷᠠ | ᠠᠯᠳᠠᠷᠰᠢᠵᠤ᠂ 2014 ᠤᠨ ᠳᠤ ᠤᠲᠤᠭ ᠤᠨ ᠡᠮᠦᠨᠡᠲᠤ ᠬᠤᠰᠢᠭᠤ ᠨᠢ ᠠᠵᠤ ᠠᠬᠤᠢ ᠶᠢᠨ ᠭᠤᠯᠳᠤᠩ | ᠭᠦᠯᠠᠮᠵᠢ ᠶᠢ ᠡᠭᠢᠯᠡᠨ ᠪᠠᠶᠢᠭᠤᠯᠤᠭᠰᠠᠨ ᠮᠦᠷᠳᠡᠭᠡᠨ ᠵᠠᠰᠠᠭ ᠤᠨ ᠤᠷᠳᠤᠨ ᠠᠴᠠ ᠭᠦᠯᠠᠮᠵᠢ ᠪᠤᠯᠭᠠᠨ ᠳᠤ 5000 | ᠲᠦᠭᠦᠷᠢᠭ ᠨᠦᠭᠦᠪᠤᠷᠢᠯᠡᠵᠤ ᠭᠦᠭᠵᠢᠯᠳᠠ ᠶᠢ ᠠᠭᠢᠭᠤᠯᠤᠭᠰᠠᠨ ᠪᠠᠶᠢᠨ᠎ᠠ᠃ ᠭᠤᠯᠳᠤᠩ ᠭᠦᠯᠠᠮᠵᠢ ᠨᠢ ᠲᠤᠯᠠᠭᠠᠨ ᠤ | ᠭᠡᠮᠵᠢᠶ᠎ᠠ ᠪᠤᠯᠤᠨ ᠴᠢᠭᠢᠭ ᠤᠨ ᠭᠡᠮᠵᠢᠶ᠎ᠠ ᠶᠢ ᠡᠵᠡᠮᠳᠡᠵᠤ ᠳᠡᠶᠢᠯᠳᠡᠭ ᠠᠴᠠ ᠭᠤᠯᠳᠤᠩ ᠭᠦᠯᠠᠮᠵᠢ ᠶᠢᠨ ᠯᠠᠵᠤᠤ ᠨᠢ | ᠭᠤᠰᠤᠭᠤᠨ ᠮᠦᠷᠳᠡᠭᠡᠨ ᠰᠢᠭᠢᠷᠯᠢᠭ ᠠᠮᠳᠠᠳᠡᠢ ᠪᠠᠶᠢᠳᠠᠭ᠃ ᠡᠪᠤᠯ ᠤᠨ ᠤᠯᠠᠷᠢᠯ ᠳᠤ ᠴᠤ ︽ᠶᠢᠤᠵᠸᠤ︾ ᠲᠡᠮᠳᠡᠭᠳᠤ | ᠯᠠᠵᠤᠤ ᠨᠢ ᠭᠤᠸᠠᠩᠳᠦ᠋ᠡᠭ᠂ ᠰᠧᠴᠤᠸᠠᠨ᠂ ᠨᠢᠩᠰᠢᠶᠠ ᠵᠡᠷᠬᠡ ᠭᠠᠵᠠᠷ ᠤᠷᠤᠨ ᠳᠤ 1000 ᠭᠠᠷᠤᠢ ᠲᠤᠠ | ᠪᠤᠷᠤᠯᠠᠭᠤᠯᠤᠭᠳᠠᠵᠤ᠂ ᠪᠤᠷᠤᠪᠠᠯᠭᠠᠰᠤ ᠪᠠᠯᠭᠠᠰᠤᠨ ᠤ ᠲᠠᠷᠢᠶᠠᠴᠢᠳ ᠤᠨ ᠪᠠᠶᠠᠵᠢᠯ ᠤᠨ ᠵᠠᠮ ᠢ ᠦᠷᠬᠡᠳᠬᠡᠭᠰᠡᠨ ᠪᠠᠶᠢᠨ᠎ᠠ | ᠃ ᠪᠤᠷᠤᠪᠠᠯᠭᠠᠰᠤ ᠪᠠᠯᠭᠠᠰᠤᠨ ᠤ ᠭᠤᠤ ᠴᠤᠤ ᠫᠠᠨ ᠲᠤᠰᠬᠤᠨ ᠤ ᠲᠠᠷᠢᠶᠠᠴᠢᠨ ᠶᠠᠩ ᡁᠢ ᠸᠧᠨ ᠭᠡᠯᠡᠭᠦ ᠳᠤ ᠪᠠᠨ᠄ ︽ | ᠯᠠᠵᠤᠤ ᠨᠢ ᠨᠡᠷᠡᠳᠤ ᠲᠡᠮᠳᠡᠭ ᠲᠠᠢ ᠪᠤᠯᠤᠭᠰᠠᠨ ᠤ ᠲᠠᠷᠠᠭ᠎ᠠ᠂ ᠬᠤᠳᠠᠯᠳᠤᠬᠤ ᠳᠤ ᠲᠦᠬᠦᠮ ᠪᠤᠯᠤᠭᠰᠠᠨ ᠢᠶᠠᠷ ᠪᠠᠷᠠᠬᠤ | ᠦᠭᠡᠢ ᠦᠨ᠎ᠠ ᠬᠠᠨᠭ᠍ᠰᠢ ᠨᠢ ᠴᠤ ᠦᠨᠳᠤᠷ ᠪᠤᠯᠵᠤ᠂ ᠡᠮᠤᠨ᠎ᠠ ᠤᠷᠤᠨ ᠤ ᠴᠢᠯᠤᠭᠡᠳᠤ ᠲᠡᠯᠭᠡᠭᠦᠷ ᠲᠤ ᠶᠡᠭᠡ | ᠭᠡᠮᠵᠢᠶ᠎ᠠ ᠪᠠᠷ ᠪᠤᠷᠤᠯᠠᠭᠤᠯᠤᠭᠳᠠᠵᠤ ᠪᠠᠶᠢᠨ᠎ᠠ︾ ᠭᠡᠪᠡ᠃ ᠤᠳᠤᠬᠠᠨ ᠳᠤ ᠭᠤᠤ ᠴᠤᠤ ᠫᠠᠨ ᠲᠤᠰᠬᠤᠨ ᠤ ᠭᠤᠯᠳᠤᠩ | ᠭᠦᠯᠠᠮᠵᠢ ᠳᠤ ᠯᠠᠵᠤᠤ ᠲᠠᠷᠢᠵᠤ ᠪᠠᠶᠢᠭ᠎ᠠ ᠡᠷᠤᠭᠡ ᠤᠤᠯ ᠤᠨ 4 ᠡᠷᠤᠭᠡ ᠪᠠᠶᠢᠭᠰᠠᠨ ᠠᠴᠠ ᠪᠠᠨ 133 ᠡᠷᠤᠭᠡ | ᠪᠤᠯᠵᠤ ᠭᠦᠭᠵᠢᠭᠡᠳ᠂ ᠲᠠᠷᠢᠮᠠᠯ ᠤᠨ ᠲᠠᠯᠠᠪᠡᠢ ᠨᠢ 230 ᠮᠤ᠋ ᠳᠤ ᠭᠦᠷᠦᠭᠰᠡᠨ ᠪᠠᠶᠢᠨ᠎ᠠ᠃ ᠰᠤᠷᠪᠤᠯᠵᠢᠯᠠᠭᠴᠢ ᠷᠧᠨ | ᠷᠧᠨ ᠢ ᠯᠠᠯᠤ ᠶᠢᠨ ᠢᠳᠡᠭᠡᠨ ᠤ ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠳᠤ ᠬᠦᠷᠬᠦ ᠳᠤ ᠲᠤᠰ ᠺᠤᠮᠫᠠᠨᠢ ᠶᠢᠨ | ᠮᠠᠯ ᠤᠨ ᠮᠢᠬ᠎ᠠ ᠶᠡᠭᠡ ᠭᠡᠮᠵᠢᠶ᠎ᠠ ᠪᠠᠷ ᠪᠤᠷᠤᠯᠠᠭᠤᠯᠤᠭᠳᠠᠵᠤ ᠪᠠᠶᠢᠭ᠎ᠠ ᠤᠴᠢᠷ ᠠᠴᠠ ᠠᠵᠢᠯᠳᠠᠳ ᠡᠳᠤᠷ ᠪᠦᠷᠢ ᠦᠭᠡᠷ | ᠬᠤᠨᠢ ᠪᠠᠨ ᠮᠠᠯ ᠨᠢᠳᠤᠯᠬᠤ ᠲᠠᠯᠠᠪᠡᠢ ᠳᠤ ᠠᠪᠠᠴᠢᠵᠤ᠂ ᠨᠢᠳᠤᠯᠵᠤ ᠭᠡᠰᠡᠭᠯᠡᠵᠤ ᠪᠤᠭᠤᠳᠠᠯᠯᠠᠭᠰᠠᠨ ᠤ ᠲᠠᠷᠠᠭ᠎ᠠ | ᠭᠠᠳᠠᠭᠰᠢ ᠪᠤᠷᠤᠯᠠᠭᠤᠯᠤᠨ ᠶᠠᠭᠠᠷᠠᠯᠳᠤᠵᠤ ᠪᠠᠶᠢᠯ᠎ᠠ᠃ ᠷᠧᠨ ᠷᠧᠨ ᠢ ᠯᠠᠯᠤ ᠶᠢᠨ ᠢᠳᠡᠭᠡᠨ ᠤ ᠭᠢᠵᠠᠭᠠᠷᠳᠤ | ᠬᠠᠷᠢᠭᠤᠴᠠᠯᠭᠠᠳᠤ ᠺᠤᠮᠫᠠᠨᠢ 2016 ᠤᠨ ᠳᠤ ᠪᠠᠶᠢᠭᠤᠯᠤᠭᠳᠠᠵᠤ᠂ ᠤᠯᠠᠨ ᠲᠦᠮᠡᠨ ᠳᠤ ᠴᠢᠨᠠᠷᠯᠢᠭ ᠰᠠᠶᠢᠨ ᠮᠢᠬ᠎ᠠ | ᠬᠠᠨᠭ᠍ᠭᠠᠳᠠᠭ ᠨᠢ ᠡᠨᠡ ᠬᠦ ᠺᠤᠮᠫᠠᠨᠢ ᠶᠢᠨ ᠡᠵᠡᠩᠨᠡᠯᠳᠠ ᠶᠢᠨ ᠤᠶᠢᠯᠠᠭᠠᠭᠳᠠᠬᠤᠨ ᠪᠤᠯᠤᠭᠰᠠᠨ ᠪᠠᠶᠢᠨ᠎ᠠ᠃ ᠡᠨᠡ ᠭᠦ | ᠺᠤᠮᠫᠠᠨᠢ ᠶᠢᠨ 2017 ᠤᠨ ᠤ ᠮᠠᠯ ᠤᠨ ᠮᠢᠬᠠᠨ ᠤ ᠪᠤᠷᠤᠯᠠᠭᠤᠯᠭ᠎ᠠ ᠶᠢᠨ ᠤᠷᠤᠯᠭ᠎ᠠ ᠨᠢ 2 ᠮᠢᠩᠭᠠᠨ ᠲᠦᠮᠡᠨ | ᠲᠦᠭᠦᠷᠢᠭ ᠢ ᠲᠠᠪᠠᠵᠤ᠂ ᠭᠤᠤᠯᠳᠠᠭᠤ ᠨᠢᠩᠰᠢᠶᠠ᠂ ᠹᠦᠵᠢᠶᠠᠨ᠂ ᠭᠤᠸᠠᠩᠵᠸᠤ᠂ ᠱᠠᠩᠬᠠᠢ᠂ ᠴᠦᠡᠭᠴᠢᠩ᠂ ᠰᠢ ᠠᠨ | ᠪᠤᠯᠤᠨ ᠰᠢᠶᠠᠮᠧᠨ ᠵᠡᠷᠭᠡ ᠭᠠᠵᠠᠷ ᠤᠷᠤᠨ ᠳᠤ ᠪᠤᠷᠤᠯᠠᠭᠤᠯᠵᠤ᠂ ᠤᠳᠤᠬᠠᠨ ᠳᠤ ᠶᠠᠭ ᠰᠠᠶᠢᠬᠠᠨ ᠲᠠᠸᠠᠷ ᠤᠨ ᠨᠡᠷᠡᠳᠤ | ᠲᠡᠮᠳᠡᠭ ᠢ ᠲᠡᠩᠰᠠᠯᠠᠭᠤᠯᠵᠤ ᠪᠠᠶᠢᠨ᠎ᠠ᠃ ᠷᠧᠨ ᠷᠧᠨ ᠢ ᠯᠠᠯᠤ ᠶᠢᠨ ᠢᠳᠡᠭᠡᠨ ᠤ ᠭᠢᠵᠠᠭᠠᠷᠳᠤ ᠬᠠᠷᠢᠭᠤᠴᠠᠯᠭᠠᠳᠤ | ᠺᠤᠮᠫᠠᠨᠢ ᠶᠢᠨ ᠲᠠᠷᠤᠭ᠎ᠠ ᠵᠤᠸᠡᠩ ᠵᠢᠶᠠᠨ ᠴᠢᠩ ᠰᠤᠷᠪᠤᠯᠵᠢᠯᠠᠭᠴᠢ ᠳᠤ᠄ ︽ᠲᠠᠸᠠᠷ ᠤᠨ ᠲᠡᠮᠳᠡᠭ ᠢ | ᠲᠠᠩᠰᠠᠯᠠᠭᠤᠯᠤᠭᠰᠠᠨ ᠤ ᠲᠠᠷᠠᠭ᠎ᠠ ᠵᠢᠯ ᠪᠦᠷᠢ 30 ᠲᠦᠮᠡᠨ ᠮᠠᠯ ᠨᠢᠳᠤᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠶᠢ | 20% ᠠᠴᠠ 25% ᠪᠠᠷ ᠨᠡᠮᠡᠭᠳᠡᠭᠦᠯᠭᠦ ᠪᠤᠯᠤᠨ᠎ᠠ︾ ᠬᠡᠵᠤ ᠪᠠᠶᠢᠯ᠎ᠠ᠃ ᠤᠶᠢᠷ᠎ᠠ ᠶᠢᠨ ᠵᠢᠯ ᠳᠤ᠂ ᠤᠲᠤᠭ ᠤᠨ | ᠡᠮᠦᠨᠡᠲᠤ ᠬᠤᠰᠢᠭᠤ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠨᠡᠷᠡᠳᠤ ᠲᠡᠮᠳᠡᠭ ᠤᠨ ᠲᠤᠰᠬᠠᠢ ᠡᠷᠭᠡ ᠶᠢ | ᠬᠠᠮᠠᠭᠠᠯᠠᠬᠤ ᠡᠷᠴᠢᠮ ᠢᠶᠠᠨ ᠴᠢᠩᠭᠠᠳᠬᠠᠨ᠂ ᠲᠦᠪ ᠭᠤᠤᠯᠴᠢ ᠵᠠᠬ᠎ᠠ ᠲᠡᠯᠭᠡᠭᠦᠷ ᠤᠨ ᠦᠷᠢᠰᠦᠯᠳᠦᠭᠡᠨ ᠤ ᠤᠷᠴᠢᠨ ᠢ | ᠡᠭᠦᠳᠭᠦ ᠶᠢᠨ ᠵᠡᠷᠭᠡ ᠪᠠᠷ ︽ᠺᠤᠮᠫᠠᠨᠢ + ᠲᠠᠸᠠᠷ ᠤᠨ ᠲᠡᠮᠳᠡᠭ + ᠲᠠᠷᠢᠶᠠᠴᠢᠨ ᠡᠷᠤᠭᠡ︾ ᠶᠢᠨ ᠠᠵᠤ | ᠤᠶᠢᠯᠡᠰᠵᠢᠭᠰᠡᠨ ᠡᠵᠡᠩᠨᠡᠯᠳᠠ ᠶᠢᠨ ᠭᠡᠪ ᠵᠠᠭᠪᠤᠷ ᠢ ᠦᠷᠭᠡᠨ ᠢᠶᠠᠷ ᠲᠡᠯᠭᠡᠷᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ | ᠠᠵᠤ ᠠᠬᠤᠢ ᠶᠢᠨ ᠵᠤᠭᠢᠶᠠᠨ ᠪᠠᠶᠢᠭᠤᠯᠤᠯᠳᠠ ᠶᠢᠨ ᠭᠠᠵᠠᠷ ᠤᠷᠤᠨ ᠤ ᠨᠡᠷᠡᠳᠤ ᠲᠡᠮᠳᠡᠭ ᠤᠨ ᠡᠷᠭᠦᠳᠡᠯ ᠭᠠᠷᠭᠠᠬᠤ ᠶᠢ | ᠢᠳᠡᠪᠭᠢᠳᠡᠢ ᠲᠡᠮᠵᠢᠭᠰᠡᠨ ᠠᠴᠠ ᠭᠠᠵᠠᠷ ᠤᠷᠤᠨ ᠤ ᠨᠠᠷᠠᠳᠤ ᠲᠡᠮᠳᠡᠭ᠂ ᠬᠠᠮᠳᠤ ᠶᠢᠨ ᠠᠷᠠᠯᠵᠢᠶᠠᠨ ᠤ ᠲᠡᠮᠳᠡᠭ ᠨᠢ | ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠭᠦ᠂ ᠮᠠᠯ ᠲᠠᠷᠢᠶᠠᠯᠠᠩ ᠤᠨ ᠤᠶᠢᠯᠡᠰ ᠤᠨ ᠠᠰᠢᠭ ᠤᠷᠤᠯᠭ᠎ᠠ ᠶᠢ | ᠨᠡᠮᠡᠭᠳᠡᠭᠦᠯᠭᠦ᠂ ᠮᠠᠯᠵᠢᠬᠤ ᠲᠠᠷᠢᠶᠠᠯᠠᠬᠤ ᠤᠷᠤᠨ ᠢ ᠭᠦᠭᠵᠢᠭᠦᠯᠭᠦ ᠲᠤᠮᠳᠠ ᠢᠳᠡᠪᠬᠢᠳᠡᠢ ᠤᠶᠢᠯᠡᠳᠤᠯ ᠦᠵᠡᠭᠦᠯᠵᠤ᠂ | ᠨᠡᠷᠡᠳᠤ ᠲᠡᠮᠳᠡᠭ ᠤᠨ ᠨᠦᠯᠦᠭᠡ ᠪᠠᠷ ᠤᠨᠴᠠᠯᠢᠭᠳᠤ ᠲᠠᠷᠢᠮᠠᠯ ᠪᠤᠯᠤᠨ ᠤᠷᠤᠨ ᠨᠤᠳᠤᠭ ᠤᠨ ᠠᠵᠤ ᠠᠬᠤᠢ ᠶᠢᠨ | ᠭᠦᠭᠵᠢᠯᠳᠠ ᠶᠢ ᠠᠬᠢᠭᠤᠯᠤᠭᠰᠠᠨ ᠪᠠᠶᠢᠨ᠎ᠠ᠃ ᠤᠳᠤᠬᠠᠨ ᠪᠤᠯᠳᠠᠯ᠎ᠠ ᠤᠲᠤᠭ ᠤᠨ ᠡᠮᠦᠨᠡᠲᠤ ᠬᠤᠰᠢᠭᠤᠨ ᠳᠤ | ᠬᠤᠳᠠ ᠶᠢᠨ ᠲᠡᠰ ᠤᠨ ᠮᠠᠯ ᠲᠠᠷᠢᠶᠠᠯᠠᠩ ᠤᠨ ᠤᠶᠢᠯᠡᠰ ᠤᠨ ᠭᠤᠤᠯᠳᠠᠯᠭᠠᠳᠤ ᠲᠤᠯᠤᠭᠠᠶᠢᠯᠠᠭᠴᠢ ᠠᠵᠤ ᠠᠬᠤᠶᠢᠯᠠᠯ | ᠨᠠᠶᠢᠳᠠ 24 ᠪᠠᠶᠢᠵᠤ᠂ ᠲᠠᠸᠠᠷ ᠤᠨ ᠲᠡᠮᠳᠡᠭ ᠢ ᠪᠦᠷᠢᠳᠭᠡᠭᠦᠯᠦᠭᠰᠡᠨ ᠨᠢ ᠨᠠᠶᠢᠳᠠ 10 ᠪᠠᠶᠢᠨ᠎ᠠ᠃ | |