ᠪᠤᠷᠤᠪᠠᠯᠭᠠᠰᠤ ᠪᠠᠯᠭᠠᠰᠤ ︽ᠲᠦᠷᠪᠡᠨ ᠠᠷᠭ᠎ᠠ ᠬᠡᠮᠵᠢᠶ᠎ᠠ︾ ᠪᠠᠷ ᠲᠠᠷᠢᠶᠠᠯᠠᠩ ᠤᠨ ᠬᠦᠭᠵᠢᠯᠳᠡ ᠶᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2018-05-24
   ᠤᠷᠴᠢᠮ ᠤᠨ ᠵᠢᠯ ᠠᠴᠠ ᠨᠠᠭᠠᠰᠢ᠂ ᠪᠤᠷᠤᠪᠠᠯᠭᠠᠰᠤ ᠪᠠᠯᠭᠠᠰᠤ ᠲᠠᠷᠢᠶᠠᠯᠠᠩ ᠤᠨ ᠦᠢᠯᠡᠰ ᠢᠶᠠᠷ ᠦᠷ᠎ᠡ ᠠᠰᠢᠭ ᠢᠶᠠᠨ ᠨᠡᠮᠡᠭᠳᠡᠭᠦᠯᠬᠦ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠪᠠᠷ ᠭᠠᠷᠳᠠᠴᠨ ᠪᠤᠯᠭᠠᠵᠤ᠂ ᠬᠦᠭᠵᠢᠯᠳᠡ ᠶᠢᠨ ᠰᠡᠳᠬᠢᠴᠨ ᠪᠠᠨ ᠲᠠᠰᠤᠷᠠᠯᠳᠡ ᠦᠭᠡᠢ ᠰᠢᠨᠡᠴᠢᠯᠡᠨ᠂ ᠨᠡᠷᠡᠳᠤ ᠲᠡᠮᠳᠡᠭ ᠢ ᠤᠨᠴᠠᠯᠢᠬᠵᠢᠭᠤᠯᠬᠤ᠂ ᠵᠠᠬ᠎ᠠ ᠲᠡᠯᠭᠡᠭᠦᠷ ᠢ ᠬᠡᠪᠴᠢᠶᠡᠵᠢᠭᠦᠯᠬᠦ ᠪᠠᠶᠢᠯᠳᠤᠬᠤ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠠᠢ᠃ ᠤᠳᠤᠬᠠᠨ ᠤ ᠠᠵᠤ ᠦᠢᠯᠡᠰ ᠤᠨ ᠦᠨᠳᠤᠰᠤᠨ ᠨᠦᠬᠦᠴᠡᠯ ᠳᠤ ᠪᠠᠨ ᠲᠦᠰᠢᠭᠯᠡᠨ᠂ ᠤᠨᠴᠠᠯᠢᠬᠳᠤ ᠠᠵᠤ ᠠᠬᠤᠢ ᠶᠢᠨ ᠲᠠᠷᠢᠮᠡᠯ ᠢ ᠶᠡᠭᠡ ᠬᠦᠴᠦᠨ ᠢᠶᠠᠷ ᠲᠦᠭᠡᠮᠡᠯᠵᠢᠭᠦᠯᠤᠨ᠂ ᠠᠵᠤ ᠦᠢᠯᠡᠰ ᠤᠨ ᠤᠨᠴᠠᠯᠢᠭ᠂ ᠭᠠᠵᠠᠷ ᠤᠷᠤᠨ ᠤ ᠤᠨᠴᠠᠯᠢᠭ᠂ ᠪᠦᠳᠦᠭᠡᠭᠳᠡᠭᠦᠨ ᠤ ᠦᠪᠡᠷᠮᠢᠴᠨ ᠤᠨᠴᠠᠯᠢᠭ ᠢ ᠴᠢᠷᠮᠠᠶᠢᠨ ᠪᠦᠷᠢᠯᠳᠦᠭᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠵᠤ ᠠᠬᠤᠢ ᠶᠢ ᠪᠤᠵᠠᠭᠠᠢᠢᠷᠠᠭᠤᠯᠤᠬᠰᠡᠨ ᠪᠠᠶᠢᠨ᠎ᠠ᠃ ᠨᠢᠭᠡ ᠳᠤ᠂ ᠯᠠᠵᠤᠤ ᠪᠠᠷ ᠭᠤᠤᠯ ᠤᠨᠴᠠᠯᠢᠭ ᠪᠤᠯᠭᠠᠬᠰᠡᠨ ᠠᠵᠤ ᠠᠬᠤᠢ ᠶᠢᠨ ᠲᠠᠷᠢᠮᠠᠯ ᠢ ᠭᠤᠤᠯᠳᠠᠯᠭ᠎ᠠ ᠲᠠᠢ ᠬᠦᠭᠵᠢᠭᠦᠯᠪᠡ᠃ ᠭᠤᠤ ᠴᠤᠤ ᠹᠠᠨ ᠲᠤᠰᠬᠤᠨ ᠤ ᠦᠨᠳᠤᠷ ᠦᠷ᠎ᠠ ᠠᠰᠢᠬᠳᠤ ᠲᠠᠷᠢᠶᠠᠯᠠᠩ ᠤᠨ ᠦᠢᠯᠡᠰ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠲᠤᠭᠤᠷᠢᠭ ᠲᠤ ᠲᠦᠰᠢᠭᠯᠡᠨ᠂ ᠬᠤᠶᠠᠷ ᠭᠤᠤᠯ ᠤᠨ ᠰᠠᠪᠠ ᠭᠠᠵᠠᠷ ᠤᠨ ᠯᠠᠵᠤᠤ ᠲᠠᠷᠢᠬᠤ ᠮᠡᠷᠭᠡᠵᠢᠯ ᠢᠶᠠᠷ ᠭᠠᠷᠳᠠᠴᠨ ᠪᠤᠯᠭᠠᠵᠤ᠂ ᠶᠢᠤᠵᠸᠤ ᠳᠠᠬᠢ ᠯᠠᠵᠤᠤ ᠶᠢᠨ ᠪᠤᠷᠤᠯᠠᠭᠤᠯᠤᠯᠳᠡ ᠪᠠᠷ ᠰᠢᠪᠳᠤᠯᠤᠯᠳᠡ ᠶᠢᠨ ᠴᠡᠭ ᠪᠤᠯᠭᠠᠵᠤ᠂ ᠴᠧᠨ ᠴᠢᠩ ᠂ ᠯᠦᠸᠧ ᠹᠸᠡᠭ ᠮᠢᠩ ᠵᠡᠷᠭᠡ ᠰᠢᠨᠵᠢᠯᠡᠭᠡ ᠮᠡᠷᠭᠡᠵᠢᠯ ᠤᠨ ᠵᠢᠱᠢᠶ᠎ᠠ ᠦᠵᠡᠭᠦᠯᠬᠦ ᠡᠷᠤᠭᠡ ᠪᠠᠷ ᠲᠠᠶᠢᠴᠢᠯᠠᠭᠤᠯᠤᠨ᠂ ᠲᠤᠰᠬᠠᠢ ᠮᠡᠷᠭᠡᠵᠢᠯᠳᠡᠳ ᠢ ᠢᠳᠡᠪᠬᠢᠳᠠᠢ ᠤᠷᠢᠵᠤ ᠯᠠᠵᠤᠤ ᠲᠠᠷᠢᠬᠤ ᠰᠢᠨ᠎ᠠ ᠮᠡᠷᠭᠡᠵᠢᠯ ᠢ ᠪᠤᠯᠪᠠᠰᠤᠷᠠᠭᠤᠯᠬᠤ ᠶᠢᠨ ᠬᠠᠮᠳᠤ ᠲᠠᠷᠢᠶᠠᠴᠢᠳ ᠲᠤ ᠲᠠᠷᠢᠬᠤ ᠠᠴᠠ ᠡᠮᠤᠨᠡᠬᠢ᠂ ᠲᠠᠷᠢᠵᠤ ᠪᠠᠶᠢᠬᠤ ᠶᠠᠪᠤᠴᠨ ᠲᠤᠮᠳᠠᠬᠢ᠂ ᠲᠠᠷᠢᠬᠰᠡᠨ ᠤ ᠲᠠᠷᠠᠭᠠᠬᠢ ᠦᠢᠯᠡᠴᠢᠯᠡᠭᠡ ᠬᠠᠨᠭ᠍ᠭᠠᠬᠤ ᠵᠡᠷᠭᠡ ᠠᠷᠭ᠎ᠠ ᠬᠡᠮᠵᠢᠶ᠎ᠠ ᠶᠢ ᠠᠪᠴᠤ᠂ ᠯᠠᠵᠤᠤ ᠶᠢᠨ ᠲᠠᠷᠢᠮᠠᠯ ᠤᠨ ᠦᠨᠳᠤᠷ ᠦᠷ᠎ᠠ ᠠᠰᠢᠭ᠂ ᠰᠢᠯᠢᠳᠡᠭ ᠴᠢᠨᠠᠷ᠂ ᠠᠶᠦᠯᠭᠦᠢ ᠶᠢ ᠪᠠᠳᠤᠯᠠᠵᠤ᠂ ᠡᠭᠦᠨ ᠤ ᠤᠯᠠᠮ ᠠᠴᠠ ᠪᠦᠬᠦ ᠪᠠᠯᠭᠠᠰᠤ ᠴᠢᠨᠠᠬᠰᠢᠯᠡᠨ ᠪᠦᠬᠦ ᠬᠤᠰᠢᠭᠤᠨ ᠤ ᠯᠠᠵᠤᠤ ᠶᠢᠨ ᠲᠠᠷᠢᠮᠠᠯ ᠤᠨ ᠴᠢᠨᠠᠷ ᠪᠠ ᠦᠷ᠎ᠠ ᠠᠰᠢᠭ ᠢ ᠲᠡᠭᠡᠭᠰᠢᠯᠡᠭᠦᠯᠵᠠᠢ᠃ ᠬᠤᠶᠠᠷ ᠲᠤ᠂ ᠲᠦᠮᠤᠰᠤᠨ ᠤ ᠲᠠᠷᠢᠮᠠᠯ ᠢ ᠪᠦᠬᠦ ᠬᠦᠴᠦᠨ ᠢᠶᠠᠷ ᠬᠦᠭᠵᠢᠭᠦᠯᠪᠡ᠃ ᠪᠤᠷᠤᠪᠠᠯᠭᠠᠰᠤᠨ ᠤ ᠨᠠᠷᠠᠨ ᠤ ᠭᠡᠷᠡᠯ ᠤᠨ ᠲᠤᠰᠤᠯᠳᠡ᠂ ᠬᠦᠷᠦᠰᠤ ᠰᠢᠷᠤᠢ᠂ ᠤᠰᠤ ᠵᠡᠷᠭᠡ ᠨᠦᠬᠦᠴᠡᠯ ᠳᠤ ᠲᠤᠬᠢᠷᠠᠭᠤᠯᠤᠨ᠂ ︽ᠮᠠᠯᠴᠢᠨ ᠲᠠᠷᠢᠶᠠᠴᠢᠨ ᠡᠷᠤᠭᠡ + ᠬᠤᠷᠰᠢᠶᠠᠵᠢᠯ + ᠠᠵᠤ ᠠᠬᠤᠢᠢᠯᠠᠯ + ᠵᠠᠬ᠎ᠠ ᠲᠡᠯᠭᠡᠭᠦᠷ︾ ᠤᠨ ᠬᠦᠭᠵᠢᠯᠳᠡ ᠶᠢᠨ ᠰᠡᠳᠬᠢᠴᠨ ᠪᠠᠷ᠂ ᠮᠠ ᠬᠤᠸᠠᠩ ᠲᠤᠤ ᠲᠤᠰᠬᠤᠨ ᠤ ᠲᠦᠮᠡᠨ ᠮᠤ᠋ ᠲᠠᠯᠠᠪᠠᠢ ᠲᠠᠢ ᠲᠦᠮᠤᠰᠤ ᠲᠠᠷᠢᠬᠤ ᠲᠦᠷᠦᠯ ᠵᠦᠢᠯ ᠢᠶᠠᠷ ᠲᠠᠶᠢᠴᠢᠯᠠᠭᠤᠯᠤᠨ᠂ ᠤᠢᠢᠷ᠎ᠠ ᠬᠠᠪᠢ ᠶᠢᠨ ᠵᠢᠴᠢ ᠪᠦᠬᠦ ᠪᠠᠯᠭᠠᠰᠤᠨ ᠤ ᠮᠠᠯᠴᠢᠨ ᠲᠠᠷᠢᠶᠠᠴᠢᠳ ᠢ ᠢᠳᠡᠪᠬᠢᠳᠠᠢ ᠪᠠᠷ ᠲᠦᠮᠤᠰᠤ ᠲᠠᠷᠢᠭᠤᠯᠤᠨ᠂ ᠡᠭᠦᠨ ᠤ ᠤᠯᠠᠮ ᠠᠴᠠ ᠭᠠᠵᠠᠷ ᠰᠢᠷᠤᠢ᠂ ᠮᠡᠷᠭᠡᠵᠢᠯ ᠲᠠᠢ᠂ ᠤᠨᠠᠯᠳᠡ᠂ ᠵᠠᠬ᠎ᠠ ᠲᠡᠯᠭᠡᠭᠦᠷ ᠬᠠᠮᠳᠤ ᠳᠤ ᠨᠢ ᠪᠠᠶᠢᠬᠤ ᠲᠦᠮᠤᠰᠤᠨ ᠤ ᠠᠵᠤ ᠦᠢᠯᠡᠰ ᠤᠨ ᠬᠡᠯᠬᠢᠶ᠎ᠠ ᠶᠢ ᠪᠦᠷᠢᠯᠳᠦᠭᠦᠯᠪᠡ᠃ ᠭᠤᠷᠪᠡ ᠳᠤ᠂ ᠠᠮᠤ ᠪᠤᠳᠠᠭᠠᠨ ᠤ ᠲᠠᠷᠢᠮᠠᠯ ᠤᠨ ᠬᠦᠭᠵᠢᠯᠳᠡ ᠶᠢ ᠦᠷᠭᠦᠯᠵᠢᠯᠡᠨ ᠪᠠᠳᠤᠯᠠᠪᠠ᠃ ᠪᠦᠬᠦ ᠪᠠᠯᠭᠠᠰᠤᠨ ᠤ 38 ᠲᠦᠮᠡᠨ ᠮᠤ᠋ ᠤᠰᠤᠯᠠᠯᠳᠡ ᠶᠢᠨ ᠭᠠᠵᠠᠷ ᠤᠨ ᠠᠰᠢᠬᠳᠠᠢ ᠨᠦᠬᠦᠴᠡᠯ ᠳᠤ ᠲᠦᠰᠢᠭᠯᠡᠨ᠂ ᠲᠠᠷᠢᠶᠠᠨ ᠦᠷ᠎ᠠ ᠪᠤᠶᠢᠵᠢᠭᠤᠯᠬᠤ᠂ ᠬᠦᠷᠦᠰᠤ ᠰᠢᠷᠤᠢ ᠶᠢ ᠬᠡᠮᠵᠢᠨ ᠪᠤᠷᠳᠤᠭᠤᠷ ᠤᠷᠤᠭᠤᠯᠬᠤ᠂ ᠤᠰᠤ ᠪᠠ ᠪᠤᠷᠳᠤᠭᠤᠷ ᠢ ᠨᠢᠭᠡ ᠴᠤᠬᠴᠠᠵᠢᠭᠤᠯᠬᠤ ᠵᠡᠷᠭᠡ ᠲᠡᠷᠢᠭᠦᠨ ᠤ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠤᠨ᠂ ᠪᠦᠬᠦ ᠪᠠᠯᠭᠠᠰᠤᠨ ᠤ ᠠᠮᠤ ᠪᠤᠳᠠᠭᠠᠨ ᠤ ᠤᠨᠠᠯᠳᠡ ᠶᠢᠨ ᠬᠡᠮᠵᠢᠶ᠎ᠠ ᠶᠢ ᠦᠷᠭᠦᠯᠵᠢᠯᠡᠨ ᠨᠡᠮᠡᠭᠳᠡᠭᠦᠯᠵᠤ᠂ ᠲᠠᠷᠢᠶᠠᠯᠠᠩ ᠤᠨ ᠦᠢᠯᠡᠰ ᠤᠨ ᠲᠤᠮᠤ ᠪᠠᠯᠭᠠᠰᠤ ᠶᠢ ᠡᠭᠦᠳᠬᠦ ᠳᠤ ᠪᠠᠳᠤ ᠪᠠᠬᠢ ᠰᠠᠭᠤᠷᠢ ᠶᠢ ᠲᠠᠯᠪᠢᠵᠠᠢ᠃ ᠲᠦᠷᠪᠡ ᠳᠤ᠂ ᠰᠢᠯᠢᠳᠡᠭ ᠡᠭᠦᠯᠳᠡᠷ ᠤᠨ ᠪᠤᠷᠳᠤᠭᠠᠨ ᠡᠪᠡᠰᠤᠨ ᠤ ᠲᠠᠷᠢᠮᠠᠯ ᠢ ᠶᠡᠭᠡ ᠪᠠᠷ ᠲᠦᠭᠡᠮᠡᠯᠵᠢᠭᠦᠯᠪᠡ᠃ ᠮᠠᠯᠴᠢᠨ ᠲᠠᠷᠢᠶᠠᠴᠢᠳ ᠤᠨ ᠰᠢᠯᠢᠳᠡᠭ ᠴᠢᠨᠠᠷ ᠤᠨ ᠪᠤᠷᠳᠤᠭᠠᠨ ᠡᠪᠡᠰᠤ ᠶᠢᠨ ᠲᠠᠯ᠎ᠠ ᠳᠠᠬᠢ ᠬᠡᠷᠡᠭᠴᠡᠭᠡ ᠱᠠᠭᠠᠷᠳᠠᠯᠭ᠎ᠠ ᠲᠠᠰᠤᠷᠠᠯᠳᠡ ᠦᠭᠡᠢ ᠶᠡᠭᠡᠳᠴᠤ᠂ ᠡᠨᠡ ᠲᠠᠯ᠎ᠠ ᠶᠢᠨ ᠦᠷ᠎ᠠ ᠠᠰᠢᠭ ᠢᠯᠡᠷᠭᠡᠢ ᠨᠡᠮᠡᠭᠳᠡᠵᠤ᠂ ᠡᠭᠦᠨ ᠤ ᠤᠯᠠᠮ ᠠᠴᠠ ᠪᠦᠬᠦ ᠪᠠᠯᠭᠠᠰᠤᠨ ᠤ ᠰᠢᠯᠢᠳᠡᠭ ᠴᠢᠨᠠᠷ ᠤᠨ ᠪᠤᠷᠳᠤᠭᠠᠨ ᠡᠪᠡᠰᠤ ᠲᠠᠷᠢᠬᠤ ᠢᠳᠡᠪᠬᠢᠵᠢᠯ ᠤᠯᠠᠮ ᠢᠶᠠᠷ ᠰᠠᠶᠢᠵᠢᠷᠠᠬᠰᠡᠨ ᠪᠠᠶᠢᠨ᠎ᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号