ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠬᠤᠰᠢᠭᠤ ᠳᠠᠷᠤᠭ᠎ᠠ | | ᠪᠦᠷᠢᠨᠴᠢᠮᠡᠭ | ᠲᠦᠯᠦᠬᠡᠯᠡᠭᠴᠢᠤᠨ ᠡ᠄ | ᠡᠳᠤᠬᠡ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ | ᠲᠥᠯᠥᠭᠡᠯᠡᠭᠴᠢᠳ ᠬᠢᠨᠠᠨ ᠵᠦᠪᠯᠡᠵᠤ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ | ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ 2017 ᠣᠨ ᠤ ᠠᠵᠢᠯ ᠤᠨ ᠡᠷᠬᠢᠴᠡᠬᠦᠯᠤᠯ | 2017 ᠣᠨ ᠪᠣᠯ ᠮᠠᠨ ᠤ ᠬᠤᠰᠢᠭᠤ ᠵᠠᠮ ᠨᠡᠭᠡᠭᠡᠨ ᠭᠠᠪᠰᠢᠭᠠᠶᠢᠯᠠᠨ ᠤᠷᠤᠭᠰᠢᠯᠠᠵᠤ᠂ ᠰᠢᠨ᠎ᠡ ᠠᠮᠵᠢᠯᠲᠠ | ᠣᠯᠣᠭᠰᠠᠨ ᠨᠢᠭᠡ ᠵᠢᠯ ᠪᠣᠯᠣᠨ᠎ᠠ᠃ ᠨᠢᠬᠡ ᠵᠢᠯ ᠤᠨ ᠲᠣᠷᠰᠢ᠂ ᠬᠤᠰᠢᠭᠤ ᠠᠷᠠᠳ ᠤᠨ ᠵᠠᠰᠠᠭ ᠤᠨ ᠣᠷᠳᠣᠨ ᠨᠠᠮ | ᠤᠨ ᠠᠷᠪᠠ ᠶᠢᠰᠣᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ ᠲᠣᠣᠱᠯᠠᠭᠤᠯᠵᠣ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠤᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ | ᠪᠠᠷ ᠵᠢᠯᠣᠭᠤᠳᠣᠯᠭ᠎ᠠ ᠪᠣᠯᠭᠠᠨ᠂ ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ | ᠤᠨ ᠬᠤᠷᠢᠶᠠᠨ ᠤ ᠰᠢᠢᠤᠨᠪᠤᠷᠢ ᠳᠤᠬᠢᠷᠠᠭᠤᠯᠭ᠎ᠠ ᠶᠢ ᠡᠷᠡᠰ ᠨᠠᠶᠢᠲᠠᠪᠣᠷᠢᠵᠢᠭᠤᠯᠵᠤ᠂ ᠬᠦᠭᠵᠢᠯᠲᠡ ᠶᠢᠨ ᠢᠲᠡᠬᠡᠯ ᠵᠣᠷᠢᠭ | ᠢᠶᠠᠨ ᠬᠦᠪᠴᠢᠯᠡᠨ᠂ ᠨᠠᠶᠢᠲᠠᠪᠣᠷᠢᠵᠢᠭᠤᠯᠣᠯᠲᠠ ᠶᠢ ᠡᠷᠴᠢᠮᠲᠠᠢ ᠠᠳᠬᠤᠵᠣ᠂ ᠰᠢᠪᠳᠣᠯᠣᠯᠲᠠ ᠶᠢᠨ ᠠᠵᠢᠯ ᠢ | ᠠᠬᠢᠭᠤᠯᠣᠨ᠂ ᠪᠣᠳᠣᠯᠢᠶᠠᠨᠲᠤ ᠰᠢᠯᠲᠠᠭᠠᠨ ᠢᠶᠠᠷ ᠣᠯᠠᠨᠨ ᠵᠢᠯ ᠬᠤᠷᠠᠮᠳᠣᠭᠰᠠᠨ ᠲᠤᠭ᠎ᠠ ᠮᠠᠭᠠᠳ ᠤᠨ ︽ᠬᠡᠶᠢᠰᠪᠣᠷᠢ | ᠪᠦᠷᠢᠯᠳᠣᠴᠡ︾ ᠶᠢ ᠰᠢᠢᠳᠮᠡᠭ ᠲᠠᠶᠠᠭᠳᠠᠵᠤ᠂ ᠠᠵᠤ ᠠᠬᠤᠢ ᠶᠢᠨ ᠰᠠᠭᠤᠷᠢ ᠲᠤᠭ᠎ᠠ ᠮᠠᠭᠠᠳ ᠢ ᠪᠣᠳᠠᠲᠠᠶᠢᠵᠢᠭᠤᠯᠵᠣ | ᠂ ᠬᠦᠭᠵᠢᠯᠲᠡ ᠶᠢᠨ ᠳᠠᠷᠣᠭᠠᠰᠤ ᠪᠠᠨ ᠰᠣᠯᠠᠯᠠᠭᠠᠳ᠂ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ | ᠥᠷᠳᠡᠭᠠᠳᠠᠯᠢ ᠬᠤᠭᠤᠴᠠᠭᠠᠨ ᠤ ᠬᠢ ᠠᠴᠠ 5.8% ᠨᠡᠮᠡᠭᠳᠡᠵᠣ᠂ ᠲᠤᠭᠳᠠᠮᠠᠯ ᠭᠥᠷᠥᠩᠭᠡ ᠶᠢᠨ ᠪᠡᠯᠡ | ᠤᠷᠤᠭᠤᠯᠤᠯᠳᠠ 8.9% ᠨᠡᠮᠡᠭᠳᠡᠨ᠂ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ | ᠶᠡᠷᠤᠩᠬᠡᠢ ᠦᠷᠳᠡᠭ 7% ᠨᠡᠮᠡᠭᠳᠡᠪᠡ︔ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠦᠨ | ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠲᠣᠰ ᠪᠦᠷᠢ 41537 ᠲᠦᠬᠦᠷᠢᠭ ᠪᠠ 16929 ᠲᠦᠬᠦᠷᠢᠭ ᠲᠤ | ᠬᠦᠷᠴᠤ᠂ 8.4%ᠪᠠ 8.5% ᠨᠡᠮᠡᠭᠳᠡᠪᠡ︔ ᠨᠡᠶᠢᠲᠡ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 8. | 01 ᠳ᠋ᠥᠩᠰᠢᠭᠤᠷ ᠲᠥᠭᠦᠷᠢᠭ ᠪᠡᠶᠡᠯᠡᠬᠦᠯᠣᠨ᠂ ᠪᠦᠬᠦ ᠬᠤᠲᠠ ᠶᠢᠨ ᠨᠢᠬᠡᠳᠣᠯᠲᠡᠢ ᠪᠠᠷᠢᠮᠵᠢᠶ᠎ᠠ ᠪᠠᠷ ᠠᠳᠠᠯᠢ | ᠬᠤᠭᠤᠴᠠᠭᠠᠨ ᠤ ᠬᠢ ᠠᠴᠠ 4.71% ᠨᠡᠮᠡᠭᠳᠡᠪᠡ︔ ᠣᠯᠠᠨ ᠠᠷᠭ᠎ᠠ ᠠᠪᠴᠠᠯ ᠢᠶᠠᠷ 9.53 ᠳ᠋ᠥᠩᠰᠢᠭᠤᠷ | ᠲᠥᠭᠦᠷᠢᠭ ᠵᠠᠰᠠᠭ ᠤᠨ ᠣᠷᠳᠣᠨ ᠤ ᠦᠷᠢ ᠦᠭᠴᠡᠭᠡ ᠶᠢ ᠰᠢᠢᠳᠪᠣᠷᠢᠯᠡᠵᠣ᠂ ᠶᠢᠰᠣᠳᠣᠭᠡᠷ ᠬᠤᠭᠤᠴᠠᠭᠠᠨ ᠤ ᠠᠷᠠᠤᠨ | ᠤᠨ ᠵᠠᠰᠠᠭ ᠤᠨ ᠣᠷᠳᠣᠨ ᠤ ᠲᠣᠰᠢᠶᠠᠯ ᠲᠠᠭᠤᠰᠬᠤ ᠵᠢᠯ ᠤᠨ ᠡᠯ᠎ᠡ ᠲᠦᠷᠦᠯ ᠤᠨ ᠡᠬᠦᠷᠭᠡ ᠪᠠᠨ ᠪᠦᠬᠦ ᠲᠠᠯ᠎ᠠ ᠪᠠᠷ | ᠪᠡᠶᠡᠯᠡᠬᠦᠯᠵᠣ᠂ ᠠᠵᠣ ᠠᠬᠤᠢ ᠶᠢᠨ ᠬᠦᠭᠵᠢᠯᠳᠡ᠂ ᠨᠡᠶᠢᠭᠡᠮ ᠤᠨ ᠠᠮᠣᠷ ᠲᠣᠭᠳᠠᠭᠤᠨ᠂ ᠦᠨᠳᠦᠰᠦᠳᠡᠨ ᠤ | ᠪᠦᠯᠬᠦᠮᠳᠡᠯ ᠢ ᠪᠠᠳᠣᠯᠠᠵᠣ᠂ ᠣᠯᠠᠨ ᠲᠦᠮᠡᠨ ᠠᠮᠣᠷ ᠲᠠᠶᠢᠪᠦᠩ ᠠᠵᠤ ᠠᠮᠢᠳᠣᠷᠠᠭᠰᠠᠨ ᠣᠬᠢ ᠪᠠᠶᠢᠳᠠᠯ ᠢ ᠪᠣᠢ | ᠪᠣᠯᠭᠠᠪᠠ᠃ | ᠨᠢᠭᠡ ᠵᠢᠯ ᠤᠨ ᠲᠣᠷᠰᠢ᠂ ᠪᠢᠳᠠ ᠣᠨᠣᠪᠴᠢᠳᠠᠢ ᠪᠣᠳᠣᠯᠭ᠎ᠠ ᠪᠠᠷ ᠪᠦᠳᠦᠴᠡ ᠶᠢ ᠲᠣᠬᠢᠷᠠᠭᠤᠯᠵᠣ᠂ ᠠᠵᠣ | ᠠᠬᠤᠢ ᠶᠢᠨ ᠬᠦᠭᠵᠢᠯᠳᠡ ᠶᠢᠨ ᠶᠠᠰᠦ ᠴᠢᠨᠠᠷ ᠢ ᠣᠯᠠᠮ ᠲᠡᠭᠡᠭᠰᠢᠯᠡᠭᠦᠯᠪᠡ᠃ ᠠᠵᠣ ᠣᠶᠢᠯᠠᠳᠪᠦᠷᠢ ᠶᠢᠨ ᠲᠣᠮᠣ | ᠲᠦᠷᠦᠯ ᠵᠣᠶᠢᠯ ᠤᠨ ᠠᠬᠢᠯᠳᠠ ᠶᠢ ᠲᠦᠷᠭᠡᠳᠬᠡᠵᠣ᠂ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ | ᠬᠦᠷᠬᠡᠬᠦ ᠱᠤᠭᠤᠮ ᠪᠦᠬᠦᠨ ᠢᠶᠠᠷ ᠨᠡᠪᠳᠡᠷᠡᠵᠣ᠂ ᠲᠥᠭᠦᠷᠴᠢᠯᠡᠭᠰᠡᠨ 4 ᠴᠠᠬᠢᠯᠭᠠᠨ ᠣᠶᠢᠯᠠᠳᠪᠦᠷᠢ ᠶᠢᠨ 3 ᠨᠢ | ᠵᠦᠪᠰᠢᠶᠡᠷᠡᠭᠳᠡᠵᠣ᠂ ᠱᠧᠩ ᠯᠦ ᠴᠠᠬᠢᠯᠭᠠᠨ ᠣᠶᠢᠯᠠᠳᠪᠦᠷᠢ ᠪᠦᠬᠦ ᠲᠠᠯ᠎ᠠ ᠪᠠᠷ ᠪᠠᠷᠢᠯᠭ᠎ᠠ ᠡᠬᠢᠯᠡᠨ᠂ ᠣᠯᠣᠰ ᠤᠨ | ᠴᠠᠬᠢᠯᠭᠠᠨ ᠤ ᠱᠤᠸᠠᠩ ᠸᠧᠢ ᠴᠠᠬᠢᠯᠭᠠᠨ ᠣᠶᠢᠯᠠᠳᠪᠦᠷᠢ ᠶᠢᠨ ᠭᠠᠵᠠᠷ ᠲᠡᠭᠰᠢᠯᠡᠬᠦ ᠵᠡᠷᠭᠡ ᠪᠡᠯᠡᠳᠬᠡᠯ ᠠᠵᠢᠯ ᠲᠠᠭᠤᠰᠴᠦ | ᠂ ᠴᠠᠩ ᠴᠧᠩ ᠴᠠᠬᠢᠯᠭᠠᠨ ᠣᠶᠢᠯᠠᠳᠪᠦᠷᠢ ᠶᠢᠨ ᠪᠡᠯᠡ ᠣᠷᠣᠭᠤᠯᠬᠤ ᠭᠤᠣᠯ ᠴᠣᠭᠴᠠ ᠶᠢᠨ ᠰᠲ᠋ᠣᠺ ᠤᠨ ᠡᠷᠭᠡ ᠶᠢᠨ | ᠲᠣᠬᠢᠷᠠᠭᠤᠯᠣᠯᠳᠠ ᠶᠢ ᠪᠡᠶᠡᠯᠡᠭᠦᠯᠦᠨ ᠪᠠᠷᠢᠯᠭ᠎ᠠ ᠡᠬᠢᠯᠡᠬᠦ ᠳᠤ ᠪᠡᠯᠡᠭᠡᠨ ᠪᠣᠯᠵᠣ᠂ ᠬᠤᠸᠠ ᠰᠢᠩ ᠤᠨ40 ᠳ᠋ᠦᠩᠰᠢᠭᠤᠷ | ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠣᠶᠢᠯ ᠵᠦᠪᠰᠢᠶᠡᠷᠡᠬᠦᠯᠬᠦ ᠵᠠᠩᠬᠢᠯᠠᠭ᠎ᠠ ᠶᠢᠨ | ᠱᠠᠳᠣᠨ ᠳᠤ ᠣᠷᠣᠪᠠ᠃ ︽ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ ᠮᠠᠯᠵᠢᠬᠤ ᠲᠠᠷᠢᠶᠠᠯᠠᠬᠤ ᠣᠷᠣᠨ᠂ | ᠪᠣᠯᠪᠠᠰᠣᠷᠠᠯ ᠰᠠᠶᠢᠲᠠᠢ ᠮᠠᠯᠴᠢᠨ ᠲᠠᠷᠢᠶᠠᠴᠢᠨ︾ ᠤ ᠢᠨᠵᠧᠨᠧᠷᠢᠩ ᠤᠨ ᠰᠢᠨᠡᠴᠢᠯᠡᠯᠳᠡ ᠲᠠᠢ ᠠᠬᠢᠵᠣ᠂ ᠬᠤᠳᠠ ᠶᠢᠨ | ᠲᠡᠰ ᠤᠨ ᠲᠣᠯᠣᠭᠠᠶᠢᠯᠠᠭᠴᠢ ᠠᠵᠣ ᠠᠬᠤᠶᠢᠶᠢᠯᠠᠯ ᠢ 4 ᠪᠣᠶᠢᠵᠢᠭᠤᠯᠣᠨ᠂ ᠶᠢᠨ ᠷᠦᠨ ᠶᠤᠸᠠᠨ᠂ ᠬᠤᠩ ᠶᠧ ᠺᠣᠮᠫᠠᠨᠢ | ᠶᠢᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠦᠪᠡᠷᠳᠡᠭᠡᠨ ᠵᠠᠰᠠᠬᠤ ᠣᠷᠣᠨ ᠤ ᠨᠡᠶᠢᠳᠡ ᠳᠤ ᠬᠤᠣᠷᠳᠠᠯ ᠦᠭᠡᠢ | ᠭᠠᠷᠣᠯᠳᠠ ᠶᠢᠨ ᠭᠠᠵᠠᠷ ᠢᠶᠠᠷ ᠲᠣᠭᠳᠠᠭᠠᠭᠳᠠᠵᠣ᠂ ᠮᠠᠯᠴᠢᠨ ᠲᠠᠷᠢᠶᠠᠴᠢᠳ ᠤᠨ ᠡᠯ᠎ᠡ ᠲᠦᠷᠦᠯ ᠤᠨ ᠲᠣᠰᠬᠠᠢ | ᠬᠠᠮᠳᠣᠷᠠᠯ ᠢ 30 ᠪᠣᠶᠢᠵᠢᠭᠤᠯᠣᠨ᠂ 7093 ᠡᠷᠦᠬᠡ ᠮᠠᠯᠴᠢᠨ ᠲᠠᠷᠢᠶᠠᠴᠢᠨ ᠢ ᠲᠠᠶᠢᠴᠢᠯᠠᠨ ᠲᠠᠭᠠᠭᠤᠯᠪᠠ᠃ ᠣᠳᠦ | ᠦᠶ᠎ᠡ ᠶᠢᠨ ᠣᠶᠢᠯᠡᠴᠢᠯᠡᠭᠡᠨ ᠤ ᠣᠶᠢᠯᠠᠰ ᠠᠭᠤᠰᠣᠯᠴᠠᠨ ᠠᠬᠢᠵᠣ᠂ ︽1 + 6︾ ᠬᠤᠪᠢᠰᠬᠠᠯᠳᠦ ᠬᠦᠮᠦᠵᠢᠯ | ᠪᠣᠯᠪᠠᠰᠣᠷᠠᠯ ᠤᠨ ᠰᠠᠭᠤᠷᠢᠨ ᠭᠠᠵᠠᠷ ᠠᠰᠢᠭᠯᠠᠯᠳᠠ ᠳᠤ ᠣᠷᠣᠨ᠂ ᠲᠠᠯ᠎ᠠ ᠨᠣᠳᠤᠭ ᠤᠨ ᠲᠣᠷᠭᠠᠨ ᠵᠠᠮ ᠨᠠᠶᠢᠷᠠᠯ | ᠲᠠᠭᠤᠨ ᠤ ᠨᠠᠶᠢᠷ ᠵᠡᠷᠭᠡ ᠨᠡᠷᠡᠳᠦ ᠲᠡᠮᠳᠡᠭᠳᠦ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠣ᠂ ᠠᠵᠠᠳᠠᠢ ᠡᠷᠡᠭᠦᠯᠵᠢᠯ | ᠰᠣᠪᠢᠯᠠᠯ ᠤᠨ ᠬᠦᠷᠢᠶᠠᠯᠠᠩ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠡᠮᠨᠡᠵᠣ ᠰᠣᠪᠢᠯᠠᠬᠤ ᠶᠢ | ᠣᠶᠠᠯᠳᠣᠭᠤᠯᠬᠤ ᠲᠠᠭᠤᠷᠢᠶᠠᠯ ᠨᠢᠭᠡᠴᠡ ᠪᠠᠷ ᠦᠨᠡᠯᠡᠭᠳᠡᠨ᠂ ᠬᠦᠳᠡᠭᠡ ᠶᠢᠨ ᠵᠢᠭᠤᠯᠴᠢᠯᠠᠯ᠂ ᠬᠤᠪᠢᠰᠬᠠᠯᠳᠦ | ᠵᠢᠭᠤᠯᠴᠢᠯᠠᠯ᠂ ᠡᠷᠡᠭᠦᠯᠵᠢᠯ ᠤᠨ ᠵᠢᠭᠤᠯᠴᠢᠯᠠᠯ ᠵᠡᠷᠭᠡ ᠣᠶᠢᠯᠠᠰ ᠤᠨ ᠣᠯᠠᠨ ᠡᠰᠢᠳᠦ ᠬᠦᠭᠵᠢᠯᠳᠡ ᠶᠢ ᠲᠠᠶᠢᠴᠢᠯᠠᠪᠠ᠃ | ᠨᠢᠭᠡ ᠵᠢᠯ ᠤᠨ ᠲᠣᠷᠰᠢ᠂ ᠪᠢᠳᠠ ᠢᠮᠠᠭᠳᠠ ᠠᠷᠠᠳ ᠤᠨ ᠠᠮᠢᠳᠣᠷᠠᠯ ᠢ ᠬᠠᠷᠠᠭᠠᠯᠵᠠᠵᠣ᠂ ᠣᠯᠠᠨ ᠲᠦᠮᠡᠨ ᠤ | ᠬᠦᠷᠳᠡᠭᠡᠯ ᠢ ᠣᠯᠠᠮ ᠨᠡᠮᠡᠭᠳᠡᠭᠦᠯᠪᠡ᠃ᠡᠳ᠋ ᠤᠨ ᠵᠠᠰᠠᠭ ᠬᠦᠴᠢᠷᠳᠡᠯᠳᠡᠢ ᠪᠠᠶᠢᠳᠠᠯ ᠤᠨ ᠲᠣᠣᠷ᠎ᠠ᠂ ᠠᠷᠠᠳ ᠤᠨ | ᠠᠮᠢᠳᠣᠷᠠᠯ ᠲᠣᠮᠳᠠᠬᠢ ᠣᠷᠣᠭᠤᠯᠣᠯᠳᠠ ᠪᠠᠨ ᠦᠷᠭᠦᠯᠵᠢᠯᠡᠨ ᠨᠡᠮᠡᠭᠳᠡᠭᠦᠯᠵᠣ᠂ ᠠᠷᠠᠳ ᠤᠨ ᠠᠮᠢᠳᠣᠷᠠᠯ ᠤᠨ ᠪᠠᠳᠣᠯᠠᠭ᠎ᠠ | ᠶᠢᠨ ︽ᠵᠢᠷᠭᠤᠭᠠᠨ ᠲᠠᠪᠬᠤᠷ ᠲᠣᠣᠷ︾ ᠢ ᠪᠠᠬᠢᠵᠢᠭᠦᠯᠪᠡ᠃ ᠶᠠᠳᠠᠭᠤ ᠠᠴᠠ ᠠᠩᠬᠢᠵᠢᠷᠠᠭᠤᠯᠬᠤ ᠠᠵᠢᠯ ᠢᠯᠡᠷᠬᠡᠢ | ᠠᠮᠵᠢᠯᠳᠠ ᠣᠯᠵᠣ᠂ ᠡᠯ᠎ᠡ ᠲᠦᠷᠦᠯ ᠤᠨ ᠲᠡᠳᠬᠦᠮᠵᠢ ᠶᠢᠨ ᠪᠡᠯᠡ ᠮᠦᠩᠭᠦ ᠶᠢ 2029 ᠲᠦᠮᠡᠨ ᠲᠦᠭᠦᠷᠢᠭ | ᠣᠷᠣᠭᠤᠯᠵᠣ᠂ ᠶᠠᠳᠠᠭᠤ ᠬᠦᠴᠢᠷᠳᠡᠯᠳᠡᠢ ᠡᠷᠦᠬᠡ ᠶᠢᠨ ᠬᠦᠮᠦᠨ ᠲᠣᠮᠳᠠᠴᠢ ᠴᠡᠪᠡᠷ ᠣᠷᠣᠯᠭ᠎ᠠ ᠠᠳᠠᠯᠢ ᠬᠤᠭᠤᠴᠠᠭᠠᠨ | ᠤ ᠬᠢ ᠠᠴᠠ 20% ᠠᠴᠠ ᠲᠡᠭᠡᠭᠰᠢ ᠨᠡᠮᠡᠭᠳᠡᠪᠡ᠃ ᠣᠶᠢᠯᠠᠰ ᠪᠦᠳᠦᠭᠡᠨ ᠠᠵᠢᠯ ᠣᠯᠬᠤ ᠢᠳᠡᠪᠬᠢᠳᠡᠢ ᠲᠦᠷᠦ ᠶᠢᠨ | ᠪᠣᠳᠣᠯᠭ᠎ᠠ ᠬᠡᠷᠡᠭᠵᠢᠭᠦᠯᠦᠨ᠂ ᠠᠷᠠᠳ ᠢ ᠴᠢᠨᠡᠭᠡᠯᠢᠭᠵᠢᠭᠦᠯᠬᠦ ᠣᠶᠢᠯᠠᠰ ᠪᠦᠳᠦᠭᠡᠯᠳᠡ ᠶᠢᠨ ᠰᠠᠭᠤᠷᠢᠨ ᠭᠠᠵᠠᠷ | ᠦᠪᠡᠷᠳᠡᠭᠡᠨ ᠵᠠᠰᠠᠬᠤ ᠣᠷᠣᠨ ᠤ ᠬᠤᠶᠠᠳᠦᠭᠠᠷ ᠪᠦᠯᠦᠭ ᠲᠣᠷᠰᠢᠯᠳᠠ ᠶᠢᠨ ᠨᠢᠭᠡᠴᠡ ᠪᠠᠷ ᠰᠣᠩᠭᠤᠭᠳᠠᠵᠣ᠂ ᠵᠢᠸ᠎ᠠ | ᠺᠣᠮᠫᠠᠨᠢ ᠶᠢ ᠣᠯᠣᠰ ᠤᠨ ᠲᠡᠰ ᠤᠨ ᠣᠶᠢᠯᠠᠰ ᠪᠦᠳᠦᠭᠡᠯᠳᠡ ᠶᠢᠨ ᠰᠠᠭᠤᠷᠢᠨ ᠭᠠᠵᠠᠷ ᠪᠣᠯᠵᠣ᠂ ᠡᠯ᠎ᠡ ᠲᠦᠷᠦᠯ ᠤᠨ | 571 ᠬᠦᠮᠦᠨ ᠢ ᠡᠯᠰᠡᠨ ᠲᠦᠪᠬᠢᠨᠡᠭᠦᠯᠵᠣ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ | ᠶᠢ ᠪᠦᠬᠦ ᠬᠤᠳᠠ ᠶᠢᠨ ᠲᠣᠮᠳᠠᠴᠢ ᠲᠦᠪᠰᠢᠨ ᠠᠴᠠ ᠲᠣᠣᠷ᠎ᠠ ᠪᠠᠶᠢᠯᠭᠠᠪᠠ᠃ ᠰᠣᠷᠭᠠᠨ ᠬᠦᠮᠦᠵᠢᠯ ᠵᠢᠭᠠᠨ | ᠰᠣᠷᠭᠠᠯᠳᠠ ᠶᠢᠨ ᠶᠠᠰᠦ ᠴᠢᠨᠠᠷ ᠲᠣᠭᠳᠠᠭᠤᠨ ᠲᠡᠭᠡᠭᠰᠢᠯᠡᠵᠣ᠂ 131 ᠰᠢᠯᠢᠳᠡᠭ ᠪᠠᠭᠰᠢ ᠣᠷᠢᠨ ᠡᠯᠰᠡᠵᠥ᠂ ᠮᠣᠩᠭᠤᠯ | ᠲᠣᠮᠳᠠᠳᠦ ᠰᠣᠷᠭᠠᠭᠤᠯᠢ ᠦᠪᠡᠷᠳᠡᠭᠡᠨ ᠵᠠᠰᠠᠬᠤ ᠣᠷᠣᠨ ᠤ ᠰᠢᠯᠢᠳᠡᠭ ᠲᠡᠭᠡᠳᠦ ᠲᠣᠮᠳᠠᠳᠦ ᠶᠢᠨ ᠦᠨᠡᠯᠡᠯᠳᠡ ᠶᠢ | ᠣᠷᠣᠭᠰᠢᠳᠠᠢ ᠲᠣᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠣᠶᠢᠯᠡᠴᠢᠯᠡᠭᠡ ᠶᠢᠨ ᠬᠠᠷᠠᠭᠠᠯᠵᠠᠯ ᠲᠦᠭᠡᠮᠡᠯᠵᠢᠵᠣ | ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠳᠠᠨ ᠣᠶᠢᠯᠡᠴᠢᠯᠡᠬᠦ ᠪᠦᠯᠬᠦᠮ ᠢ 74 ᠪᠠᠶᠢᠭᠤᠯᠣᠨ᠂ 4.4 ᠲᠦᠮᠡᠨ | ᠬᠦᠮᠦᠨ ᠳᠤ ᠭᠡᠷ᠎ᠡ ᠲᠣᠭᠳᠠᠨ ᠣᠶᠢᠯᠡᠴᠢᠯᠡᠵᠣ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ | ᠡᠮᠨᠡᠯᠭᠡ ᠶᠢᠨ ᠪᠦᠬᠦ ᠪᠦᠷᠬᠦᠴᠡ ᠶᠢ ᠪᠡᠶᠡᠯᠡᠭᠦᠯᠪᠡ᠃ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ ᠶᠢᠨ ᠪᠠᠷᠢᠮᠵᠢᠶ᠎ᠠ ᠶᠢ | ᠦᠷᠭᠦᠷᠵᠢᠯᠡᠨ ᠨᠡᠮᠡᠭᠳᠡᠭᠦᠯᠵᠣ᠂ ᠪᠦᠬᠦ ᠵᠢᠯ ᠲᠤ 1200 ᠭᠠᠷᠦᠢ ᠲᠦᠮᠡᠨ ᠲᠦᠭᠦᠷᠢᠭ ᠤᠨ ᠲᠣᠣᠷ᠎ᠠ ᠪᠠᠳᠣᠯᠠᠭ᠎ᠠ ᠶᠢᠨ | ᠮᠦᠩᠭᠦ ᠣᠯᠭᠤᠵᠣ᠂ 4200 ᠭᠠᠷᠦᠢ ᠬᠦᠴᠢᠷᠳᠡᠯᠳᠡᠢ ᠣᠯᠠᠨ ᠲᠦᠮᠠᠨ ᠢ ᠬᠠᠷᠠᠭᠠᠯᠵᠠᠪᠠ᠃ ᠰᠣᠶᠣᠯ ᠤᠨ ᠥᠢᠯᠡᠰ | ᠡᠳᠦᠷ ᠢᠷᠡᠭᠦᠶ᠎ᠡ ᠴᠡᠴᠡᠭᠯᠡᠵᠣ᠂ ᠰᠣᠶᠣᠯ ᠢ ᠬᠦᠳᠡᠭᠡ ᠪᠠᠭᠤᠯᠭᠠᠬᠤ ᠠᠵᠢᠯᠯᠠᠭ᠎ᠠ ᠶᠢ 1600 ᠲᠠᠯᠠᠪᠠᠢ ᠣᠳᠠᠭ᠎ᠠ | ᠶᠠᠪᠤᠭᠳᠠᠭᠤᠯᠵᠤ᠂ ᠣᠳᠤᠭ ᠤᠨ ᠡᠮᠦᠨᠡᠳᠦ ᠬᠤᠰᠢᠭᠤᠨ ᠤ ᠣᠨᠴᠠᠯᠢᠭ ᠲᠠᠢ ᠬᠤᠪᠢᠰᠬᠠᠯᠳᠦ ᠵᠦᠴᠦᠭᠡ ︽ᠠᠨᠠᠷ | ᠪᠣᠯᠪᠠᠰᠣᠷᠠᠯ᠎ᠠ︾ ᠪᠡᠭᠡᠵᠢᠭ ᠬᠦᠬᠡᠬᠤᠳᠠ ᠵᠡᠷᠭᠡ ᠭᠠᠵᠠᠷ ᠲᠤ ᠠᠮᠵᠢᠯᠳᠠ ᠲᠠᠢ ᠲᠤᠭᠯᠠᠭᠳᠠᠵᠤ᠂ ᠦᠨᠳᠦᠰᠦᠳᠡᠨ ᠤ | ᠰᠣᠶᠣᠯ ᠣᠷᠠᠯᠢᠭ ᠤᠨ ᠬᠦᠭᠵᠢᠯᠳᠡ ᠶᠢ ᠠᠬᠢᠭᠤᠯᠪᠠ᠃ | ᠨᠢᠭᠡ ᠵᠢᠯ ᠤᠨ ᠲᠣᠷᠰᠢ᠂ ᠪᠢᠳᠡ ᠪᠦᠬᠦ ᠬᠦᠴᠦᠨ ᠢᠶᠠᠷ ᠰᠠᠭᠤᠷᠢ ᠪᠠᠨ ᠪᠠᠬᠢᠵᠢᠭᠦᠯᠵᠣ᠂ ᠬᠤᠳᠠ ᠬᠦᠳᠡᠭᠡ ᠶᠢᠨ | ᠣᠷᠣᠰᠢᠨ ᠰᠠᠭᠤᠬᠤ ᠣᠷᠴᠢᠨ ᠢ ᠣᠯᠠᠮ ᠰᠠᠶᠢᠵᠢᠷᠠᠭᠤᠯᠪᠠ᠃ ᠬᠤᠳᠠ ᠪᠠᠯᠭᠠᠰᠣᠨ ᠤ ᠣᠶᠢᠵᠢᠭᠤᠯᠣᠯᠳᠠ | ᠭᠡᠷᠡᠯᠳᠦᠭᠦᠯᠭᠡ ᠪᠣᠯᠣᠨ ᠵᠡᠭᠡᠯᠢ ᠲᠠᠭᠠᠤ ᠭᠡᠷ ᠪᠠᠶᠢᠰᠢᠩ ᠤᠨ ᠦᠭᠡᠷᠡᠴᠢᠯᠡᠯᠳᠡ ᠵᠡᠷᠭᠡ ᠢᠨᠵᠧᠨᠧᠷᠢᠩ ᠢ ᠬᠡᠷᠡᠭᠵᠢᠭᠦᠯᠵᠣ᠂ | ᠰᠢᠨ᠎ᠡ ᠪᠠᠷ 18.6 ᠲᠦᠮᠡᠨ ᠺᠦᠸ᠋ᠳ᠋ ᠮᠧᠲᠷ ᠬᠤᠳᠠ ᠶᠢᠨ ᠣᠶᠢᠵᠢᠭᠤᠯᠣᠯᠳᠠ ᠬᠢᠵᠣ᠂ ᠲᠦᠷᠪᠡᠨ ᠪᠠᠯᠭᠠᠰᠦᠨ ᠳᠤ | ᠲᠦᠯᠦᠪᠦᠷᠢ ᠦᠭᠡᠢ WIFI ᠨᠡᠪᠳᠡᠷᠡᠭᠦᠯᠵᠣ᠂ ᠪᠣᠷᠣᠪᠠᠯᠭᠠᠰᠣ ᠪᠦᠬᠦ ᠣᠯᠣᠰ ᠤᠨ ᠣᠨᠴᠠᠯᠢᠭᠳᠦ ᠪᠠᠯᠭᠠᠰᠦ ᠪᠠᠷ | ᠦᠨᠡᠯᠡᠭᠳᠡᠨ᠂ ᠮᠠᠨ ᠤ ᠬᠤᠰᠢᠭᠤ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠳᠠ ᠪᠣᠯᠣᠨ ᠣᠯᠣᠰ ᠤᠨ | ᠴᠡᠴᠡᠷᠯᠢᠭᠵᠢᠭᠦᠯᠭᠡ ᠶᠢᠨ ᠰᠢᠶᠠᠨ ᠤ ᠬᠤᠳᠠ ᠶᠢ ᠠᠮᠵᠢᠯᠳᠠ ᠲᠠᠢ ᠴᠣᠭᠴᠠᠯᠠᠵᠣ᠂ ᠬᠤᠳᠠ ᠪᠠᠯᠭᠠᠰᠣᠨ ᠤ ᠴᠢᠳᠠᠪᠬᠢ | ᠪᠣᠯᠣᠨ ᠬᠡᠪ ᠴᠢᠨᠰᠠᠭ᠎ᠠ ᠢᠯᠡᠳᠳᠡ ᠲᠡᠭᠡᠭᠰᠢᠯᠡᠪᠡ᠃ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢᠨ ᠡᠷᠴᠢᠮ ᠢ | ᠴᠢᠩᠭᠠᠳᠬᠠᠵᠣ᠂ S216 ᠱᠤᠭᠤᠮ ᠤᠨ ᠣᠯᠵᠠᠴᠢ ᠠᠴᠠ ᠪᠣᠷᠣᠪᠠᠯᠭᠠᠰᠣ ᠬᠦᠷᠬᠦ ᠭᠡᠰᠡᠭ᠂ ᠲᠦᠩᠽᠢ ᠠᠴᠠ | ᠪᠣᠷᠣᠪᠠᠯᠭᠠᠰᠦ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠢ ᠠᠰᠢᠭᠯᠠᠯᠳᠠ ᠳᠤ ᠣᠷᠣᠭᠤᠯᠵᠣ᠂ ᠣᠯᠵᠠᠴᠢ ᠠᠴᠠ | ᠳ᠋ᠦᠩ ᠳ᠋ᠣᠣ ᠯᠢᠶᠠᠩ ᠬᠦᠷᠬᠦ ᠲᠦᠷᠭᠡᠨ ᠵᠡᠮ᠂ ᠱᠠᠩᠬᠠᠢ ᠶᠢᠨ ᠰᠦᠮ᠎ᠡ ᠠᠴᠠ ᠦᠵᠦᠭᠦᠷ ᠪᠠᠯᠭᠠᠰᠦ ᠬᠦᠷᠬᠦ ᠵᠠᠰᠠᠮᠠᠯ | ᠵᠠᠮ ᠲᠡᠷᠬᠡ ᠨᠡᠪᠳᠡᠷᠭᠦ ᠪᠠᠷ ᠪᠣᠯᠵᠣ᠂ ᠣᠳᠤᠭ ᠤᠨ ᠡᠮᠦᠨᠡᠳᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠪᠠᠷᠢᠯᠭ᠎ᠠ ᠡᠬᠢᠯᠡᠬᠦ ᠨᠦᠬᠦᠴᠡᠯ ᠪᠥᠷᠢᠳᠥᠪᠡ᠃ ᠠᠮᠢ ᠠᠬᠤᠢ ᠶᠢᠨ ᠪᠠᠶᠢᠭᠤᠯᠣᠯᠳᠠ ᠶᠢᠨ ᠦᠷ᠎ᠡ ᠪᠦᠳᠦᠭᠡᠯ | ᠦᠷᠭᠦᠯᠵᠢᠯᠡᠨ ᠪᠠᠬᠢᠵᠢᠵᠣ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠲᠦᠷᠦ ᠶᠢᠨ ᠪᠣᠳᠣᠯᠭ᠎ᠠ ᠪᠣᠯᠣᠨ | ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ 70 ᠲᠦᠮᠡᠨ ᠮᠣ᠋ ᠨᠣᠳᠤᠭ ᠪᠡᠯᠴᠢᠭᠡᠷ | ᠢ ᠪᠦᠳᠦᠭᠡᠨ ᠪᠠᠶᠢᠭᠤᠯᠵᠣ᠂ 14.4 ᠲᠦᠮᠡᠨ ᠮᠣ᠋ ᠣᠯᠣᠰ ᠤᠨ ᠨᠣᠳᠤᠭ ᠲᠡᠪᠢᠰᠭᠡᠷ ᠢ ᠣᠶᠢᠵᠢᠭᠤᠯᠪᠠ᠃ ᠣᠷᠴᠢᠨ | ᠲᠣᠭᠤᠷᠢᠨ ᠤ ᠲᠣᠪᠣᠶᠢᠮ᠎ᠠ ᠠᠰᠠᠭᠤᠳᠠᠯ ᠢ ᠡᠷᠡᠰ ᠴᠢᠩᠭ᠎ᠠ ᠪᠠᠷ ᠴᠡᠭᠴᠡᠯᠡᠵᠣ᠂ ᠲᠡᠭᠡᠳᠤ ᠱᠠᠳᠤᠨ ᠤ ᠱᠠᠭᠠᠷᠳᠠᠨ | ᠪᠠᠶᠢᠴᠠᠭᠠᠯᠳᠠ ᠪᠠᠷ ᠬᠠᠷᠢᠭᠤ ᠲᠣᠰᠬᠠᠭᠰᠠᠨ 106 ᠠᠰᠠᠭᠤᠳᠠᠯ ᠤᠨ 32 ᠢ ᠬᠡᠪ ᠤᠨ ᠪᠠᠶᠢᠳᠠᠯ ᠶᠣᠰᠣᠭᠠᠷ | ᠠᠬᠢᠭᠤᠯᠵᠣ᠂ 74 ᠲᠦᠷᠦᠯ ᠤᠨ ᠣᠷᠴᠢᠨ ᠲᠣᠭᠤᠷᠢᠨ ᠤ ᠵᠠᠰᠠᠯᠳᠠ ᠶᠢᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠪᠡ᠃ | ᠨᠢᠭᠡ ᠵᠢᠯ ᠤᠨ ᠲᠣᠷᠰᠢ᠂ ᠪᠢᠳᠡ ᠦᠭᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠣ᠂ ᠬᠦᠭᠵᠢᠯᠳᠡ ᠶᠢᠨ | ᠲᠣᠳᠣᠭᠠᠳᠦ ᠬᠦᠳᠡᠯᠭᠡᠭᠴᠢ ᠬᠦᠴᠦᠨ ᠢ ᠣᠯᠠᠮ ᠠᠮᠢᠳᠤᠯᠢᠭᠵᠢᠭᠤᠯᠪᠠ᠃ ᠬᠠᠣᠯᠢ ᠬᠡᠷᠡᠭᠵᠢᠭᠦᠯᠬᠦ ᠲᠣᠭᠳᠠᠴᠠ ᠶᠢᠨ | ᠦᠭᠡᠷᠡᠴᠢᠯᠡᠯᠳᠡ ᠶᠢ ᠭᠦᠨᠵᠡᠭᠡᠶᠢᠷᠡᠭᠦᠯᠵᠣ᠂ 13 ᠶᠡᠷᠦᠩᠬᠡᠶᠢᠯᠡᠭᠰᠡᠨ ᠬᠠᠣᠯᠢ ᠭᠡᠷᠡᠭᠵᠢᠭᠦᠯᠬᠦ ᠲᠣᠪᠴᠢᠶ᠎ᠠ ᠪᠠᠶᠢᠭᠤᠯᠣᠨ᠂ | ᠬᠠᠣᠯᠢ ᠬᠡᠷᠡᠭᠵᠢᠭᠦᠯᠬᠦ ᠬᠦᠴᠦᠨ ᠢ ᠪᠦᠬᠦ ᠲᠠᠯ᠎ᠠ ᠪᠠᠷ ᠴᠢᠩᠭ᠎ᠠ ᠠᠳᠬᠤᠪᠠ᠃ ᠲᠣᠳᠣᠭᠠᠳᠦ ᠶᠢ ᠬᠠᠮᠠᠭᠠᠯᠠᠬᠤ ︽ᠲᠣᠮᠣ | ᠰᠠᠯᠠᠭ᠎ᠠ ᠮᠦᠴᠢᠷ᠂ ᠲᠣᠮᠣ ᠴᠠᠭᠳᠠᠭᠠᠨ ᠲᠦᠷᠦᠯ︾ ᠤᠨ ᠲᠦᠷᠢᠮ ᠤᠨ ᠦᠭᠡᠷᠡᠴᠢᠯᠡᠯᠳᠡ ᠪᠦᠬᠦ ᠬᠤᠳᠠ ᠶᠢᠨ | ᠲᠠᠪᠣᠳᠦᠭᠠᠷ ᠪᠦᠯᠦᠭ ᠦᠭᠡᠷᠡᠴᠢᠯᠡᠯᠳᠡ ᠶᠢ ᠲᠦᠭᠡᠮᠡᠯᠵᠢᠭᠦᠯᠬᠦ ᠲᠣᠷᠰᠢᠯᠭ᠎ᠠ ᠳᠤ ᠵᠢᠭᠰᠠᠭᠠᠭᠳᠠᠵᠣ᠂ ᠪᠡᠶ᠎ᠡ ᠪᠠᠨ | ᠲᠠᠭᠠᠭᠠᠨ ᠨᠡᠭᠡᠭᠡᠭᠰᠡᠨ ︽ᠣᠶᠣᠨᠴᠢ ᠵᠠᠮ ᠬᠠᠷᠢᠯᠴᠠᠭᠠᠨ ᠤ ᠬᠠᠮᠢᠶᠠᠷᠣᠯᠳᠠ︾ ᠶᠢᠨ ᠲᠠᠪᠴᠠᠩ ᠣᠯᠣᠰ ᠤᠨ ᠲᠣᠰᠬᠠᠢ | ᠠᠰᠢᠭ ᠤᠨ ᠡᠷᠬᠡ ᠶᠢ ᠣᠯᠪᠠ᠃ ᠬᠤᠰᠢᠭᠤ᠂ ᠪᠠᠯᠭᠠᠰᠦ᠂ ᠭᠠᠴᠠᠭ᠎ᠠ ᠭᠤᠷᠪᠠᠨ ᠱᠠᠳᠦ ᠬᠤᠯᠪᠣᠭᠠᠯᠠᠭᠰᠠᠨ ᠣᠶᠣᠨᠴᠢ | ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ ᠲᠠᠪᠴᠠᠩ ᠢ ᠪᠠᠶᠢᠭᠤᠯᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ | ᠤᠨ ᠬᠤᠷᠳᠣᠴᠠ ᠶᠢ 60% ᠲᠡᠭᠡᠭᠰᠢᠯᠡᠭᠦᠯᠵᠣ᠂ ᠪᠦᠬᠦ ᠣᠯᠣᠰ ᠤᠨ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠰᠢᠨᠡᠴᠢᠯᠡᠯ ᠤᠨ ᠱᠠᠩᠨᠠᠯ ᠣᠯᠪᠠ᠃ ︽ᠮᠣᠩᠭᠤᠯ ᠤᠨ ᠦᠨᠳᠦᠷᠯᠢᠭ | ᠤᠨ ᠨᠣᠣᠯᠣᠭᠤᠷ ᠤᠨ ᠢᠮᠠᠭᠠᠨ ᠤ ᠠᠮᠢ ᠠᠬᠤᠶᠢᠴᠢ ᠠᠰᠢᠭ ᠰᠠᠶᠢᠳᠡᠢ ᠠᠷᠠᠴᠢᠯᠠᠬᠤ ᠰᠣᠳᠣᠯᠭᠠᠨ ᠤ ᠠᠺᠠᠳᠧᠮᠢᠴᠢ | ᠶᠢᠨ ᠠᠵᠢᠯ ᠤᠨ ᠦᠷᠳᠡᠭᠡ︾ ᠲᠣᠮᠳᠠᠳᠦ ᠣᠯᠣᠰ ᠤᠨ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠤᠨ ᠬᠦᠬᠢᠭᠦᠯᠦᠯ | ᠬᠦᠷᠳᠡᠵᠣ᠂ 2017 ᠣᠨ ᠳᠤ ᠪᠦᠬᠦ ᠣᠯᠣᠰ ᠤᠨ ᠵᠢᠱᠢᠶ᠎ᠡ ᠦᠵᠡᠭᠦᠯᠭ᠊ ᠠᠺᠠᠳᠧᠮᠢᠴᠢ ᠶᠢᠨ ᠠᠵᠢᠯ ᠤᠨ ᠦᠷᠳᠡᠭᠡ | ᠶᠢᠨ ᠴᠣᠯᠠ ᠣᠯᠪᠠ᠃ | ᠨᠢᠭᠡ ᠵᠢᠯ ᠤᠨ ᠲᠣᠷᠰᠢ᠂ ᠪᠢᠳᠡ ᠬᠡᠪ ᠰᠠᠬᠢᠯᠭ᠎ᠠ ᠶᠢ ᠴᠢᠩᠭᠠᠳᠬᠠᠨ ᠦᠷ᠎ᠡ ᠪᠦᠳᠦᠮᠵᠢ ᠶᠢ ᠲᠡᠭᠡᠭᠰᠢᠯᠡᠭᠦᠯᠵᠣ᠂ | ᠵᠠᠰᠠᠭ ᠤᠨ ᠣᠷᠳᠣᠨ ᠤ ᠵᠠᠰᠠᠯᠳᠠ ᠶᠢᠨ ᠴᠢᠳᠠᠪᠦᠷᠢ ᠪᠠᠨ ᠣᠯᠠᠮ ᠲᠡᠭᠡᠭᠰᠢᠯᠡᠭᠦᠯᠪᠡ᠃ ︽ᠲᠦᠷᠪᠠᠨ ᠣᠬᠠᠮᠰᠠᠷ︾ | ᠢᠶᠠᠨ ᠪᠠᠬᠢᠵᠢᠭᠦᠯᠵᠣ᠂ ᠬᠤᠰᠢᠭᠤ ᠨᠠᠮ ᠤᠨ ᠬᠤᠷᠢᠶᠠᠨ ᠤ ᠣᠳᠣᠷᠢᠳᠣᠯᠭ᠎ᠠ ᠶᠢ ᠡᠷᠡᠰ ᠲᠠᠭᠠᠵᠣ᠂ ᠬᠤᠰᠢᠭᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠣᠯᠢ ᠶᠢᠨ ᠬᠢᠨᠠᠯᠳᠠ ᠪᠣᠯᠣᠨ ᠣᠯᠣᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠣ᠂ ᠡᠯ᠎ᠡ ᠲᠠᠯ᠎ᠠ ᠶᠢᠨ | ᠬᠢᠨ ᠤ ᠰᠠᠨᠠᠯ ᠰᠠᠨᠠᠭᠤᠯᠭ᠎ᠠ ᠶᠢ ᠦᠷᠬᠡᠨ ᠲᠡᠯᠭᠡᠷᠡᠩᠬᠦᠢ ᠰᠣᠨᠣᠰᠴᠦ᠂ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ | ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠲᠣᠷᠠᠳᠣᠯᠭ᠎ᠠ ᠶᠢ 82 ᠬᠤᠪᠢ ᠭᠦᠢᠴᠡᠳᠬᠡᠵᠣ᠂ | ᠭᠦᠢᠴᠡᠳᠬᠡᠯ 100% ᠬᠦᠷᠪᠡ᠃ ︽ᠬᠤᠶᠠᠷ ᠢ ᠰᠣᠷᠣᠯᠴᠠᠵᠣ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠣᠷᠣᠯᠴᠠᠯᠭ᠎ᠠ ᠬᠦᠮᠦᠵᠢᠯ ᠤᠨ ᠪᠠᠶᠢᠩᠭᠤᠵᠢᠯᠳᠠ ᠲᠦᠷᠢᠮᠵᠢᠯᠳᠡ ᠶᠢ ᠭᠦᠨᠵᠡᠭᠡᠢ ᠠᠬᠢᠭᠤᠯᠵᠣ᠂ ᠲᠦᠪ ᠤᠨ ᠨᠠᠢᠮᠠᠨ | ᠲᠣᠭᠳᠠᠭᠠᠯ ᠪᠣᠯᠣᠨ ᠣᠷᠣᠨ᠂ ᠬᠤᠳᠠ᠂ ᠬᠤᠰᠢᠭᠤᠨ ᠤ ᠲᠦᠬᠦᠷ ᠲᠣᠭᠳᠠᠭᠠᠯ ᠢ ᠡᠷᠡᠰ ᠴᠢᠩᠭ᠎ᠠ | ᠨᠠᠶᠢᠳᠠᠪᠦᠷᠢᠵᠢᠭᠤᠯᠵᠣ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ᠂ ᠬᠢᠨᠠᠨ ᠪᠣᠳᠣᠯᠳᠠ ᠪᠣᠯᠣᠨ ᠰᠠᠬᠢᠯᠭ᠎ᠠ | ᠬᠡᠷᠡᠭᠵᠢᠭᠦᠯᠦᠨ ᠬᠠᠷᠢᠭᠤᠴᠠᠯᠭ᠎ᠠ ᠨᠡᠭᠡᠮᠵᠢᠯᠡᠭᠦ ᠶᠢ ᠪᠦᠬᠦ ᠲᠠᠯ᠎ᠠ ᠪᠠᠷ ᠴᠢᠩᠭᠠᠳᠬᠠᠵᠣ᠂ ᠵᠠᠰᠭ ᠤᠨ ᠣᠷᠳᠣᠨ ᠤ | ᠨᠠᠶᠢᠳᠠᠪᠦᠷᠢᠵᠢᠭᠤᠯᠣᠯᠳᠠ ᠶᠢ ᠠᠳᠬᠤᠬᠤ ᠴᠢᠳᠠᠪᠦᠷᠢ ᠪᠣᠯᠣᠨ ᠵᠠᠰᠠᠯᠳᠠ ᠶᠢᠨ ᠴᠢᠳᠠᠪᠦᠷᠢ ᠶᠢ ᠢᠯᠡᠳᠳᠡ | ᠲᠡᠭᠡᠭᠰᠢᠯᠡᠭᠦᠯᠪᠡ᠃ | ᠡᠬᠦᠨ ᠠᠴᠠ ᠭᠠᠳᠠᠨ᠎ᠠ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠠᠷᠠᠳᠴᠢᠯᠠᠯ ᠬᠠᠣᠯᠢ | ᠲᠦᠷᠢᠮ᠂ ᠦᠨᠳᠣᠰᠣᠲᠡᠨ ᠱᠠᠰᠢᠨ ᠰᠣᠷᠲᠠᠬᠤᠨ᠂ ᠲᠤᠭ᠎ᠠ ᠪᠦᠷᠢᠳᠭᠡᠯ᠂ ᠲᠠᠩᠰᠠ ᠡᠪᠬᠡᠮᠡᠯ᠂ ᠠᠷᠠᠳ ᠤᠨ ᠠᠭᠠᠷ | ᠰᠡᠷᠬᠡᠶᠢᠯᠡᠯᠲᠡ᠂ ᠴᠠᠭ ᠠᠭᠤᠷ᠂ ᠡᠮᠡᠭᠲᠡᠶᠢᠴᠣᠳ ᠬᠡᠣᠬᠡᠳ᠂ ᠨᠠᠰᠣᠲᠠᠶᠢᠴᠣᠳ ᠤᠨ ᠦᠢᠯᠡᠰ ᠵᠡᠷᠬᠡ ᠠᠵᠢᠯ ᠴᠦᠮ | ᠢᠯᠡᠷᠬᠡᠢ ᠲᠠᠪᠰᠢᠯᠲᠠ ᠲᠠᠢ ᠪᠣᠯᠪᠠ᠃ | ᠲᠦᠯᠦᠭᠡᠯᠡᠭᠴᠢᠳ ᠡ᠂ 2017 ᠣᠨ ᠢ ᠡᠷᠬᠢᠴᠡᠭᠦᠯᠬᠦ ᠳᠤ᠂ ᠪᠢᠳᠠᠨ ᠤ ᠭᠦᠨᠵᠡᠭᠡᠢ ᠲᠦᠷᠦᠭᠳᠡᠯ ᠪᠣᠯ᠄ | ᠵᠠᠰᠠᠭ ᠤᠨ ᠣᠷᠳᠣᠨ ᠤ ᠠᠵᠢᠯ ᠤᠨ ᠲᠠᠪᠰᠢᠯᠳᠠ ᠠᠮᠵᠢᠯᠳᠠ ᠪᠦᠬᠦᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢᠨ ᠡᠵᠡᠮᠳᠡᠯ᠂ ᠡᠷᠴᠢᠳᠦ ᠣᠳᠣᠷᠢᠳᠣᠯᠭ᠎ᠠ ᠠᠴᠠ | ᠰᠠᠯᠣᠰᠢ ᠦᠭᠡᠢ ᠶᠣᠮ︔ ᠬᠤᠰᠢᠭᠤᠨ ᠤ ᠲᠦᠷᠪᠡᠨ ᠪᠠᠭ ᠤᠨ ᠰᠡᠳᠬᠢᠯ ᠨᠢᠭᠡᠳᠢ ᠪᠦᠯᠬᠦᠮᠳᠡᠯ ᠴᠢᠷᠮᠠᠶᠢᠯᠭ᠎ᠠ ᠠᠴᠠ | ᠵᠠᠶᠢᠳᠠᠰᠢ ᠦᠭᠡᠢ ᠶᠣᠮ︔ ᠪᠦᠬᠦ ᠬᠤᠰᠢᠭᠤᠨ ᠤ ᠨᠡᠶᠢᠳᠡ ᠣᠯᠠᠨ ᠤ ᠢᠳᠡᠭᠡᠯ ᠨᠢᠭᠳᠠᠷᠠᠯ ᠠᠴᠠ ᠰᠠᠯᠣᠰᠢ ᠦᠭᠡᠢ | ᠶᠣᠮ︔ ᠡᠯ᠎ᠡ ᠲᠠᠯ᠎ᠠ ᠶᠢᠨ ᠬᠢᠨ ᠤ ᠬᠠᠯᠠᠮᠵᠢ ᠲᠡᠮᠵᠢᠯᠡᠭᠡ ᠣᠷᠣᠯᠴᠠᠯᠭ᠎ᠠ ᠲᠠᠢ ᠨᠢᠭᠳᠠ ᠬᠤᠯᠪᠣᠭ᠎ᠠ ᠲᠠᠢ ᠶᠣᠮ᠃ | ᠠᠳᠠ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠡᠯ᠎ᠡ ᠹᠷᠣᠨᠲ ᠡᠯ᠎ᠡ ᠠᠵᠢᠯ ᠪᠠᠶᠢᠷᠢᠨ ᠳᠤ | ᠭᠠᠪᠰᠢᠭᠠᠶᠢᠯᠠᠵᠣ ᠪᠦᠬᠦᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠣᠯᠠᠨ ᠲᠦᠮᠡᠨ᠂ ᠠᠷᠠᠳᠴᠢᠯᠠᠭᠰᠠᠨ ᠨᠠᠮ | ᠪᠦᠯᠦᠭ ᠤᠨ ᠬᠢᠨ᠂ ᠦᠢᠯᠡᠳᠪᠣᠷᠢ ᠬᠤᠳᠠᠯᠳᠣᠭᠠᠨ ᠤ ᠬᠤᠯᠪᠣᠭ᠎ᠠ᠂ ᠨᠠᠮ ᠤᠨ ᠪᠣᠰᠣ ᠬᠦᠮᠦᠰ ᠪᠣᠯᠣᠨ ᠠᠷᠠᠳ ᠤᠨ | ᠪᠦᠯᠬᠦᠮ᠂ ᠤᠲᠤᠭ ᠤᠨ ᠡᠮᠤᠨᠡᠲᠤ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠠᠶᠢᠵᠠ | ᠨᠦᠬᠦᠳ ᠲᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ ᠪᠠᠶᠢᠨ᠎ᠠ︕ | | ᠬᠦᠭᠵᠢᠨ ᠲᠡᠭᠵᠢᠷᠡᠭᠦ ᠳᠤ ᠬᠦᠴᠢᠷ ᠪᠡᠷᠭᠡ ᠶᠢ ᠮᠠᠷᠳᠠᠵᠣ ᠪᠣᠯᠬᠤ ᠦᠭᠡᠢ᠂ ᠪᠢᠳᠡ ᠮᠠᠨ ᠤ ᠬᠤᠰᠢᠭᠤᠨ ᠤ | ᠠᠵᠣ ᠠᠬᠤᠢ ᠨᠡᠶᠢᠭᠡᠮ ᠤᠨ ᠬᠦᠭᠵᠢᠯᠳᠡ ᠲᠣᠮᠳᠠ ᠪᠠᠰᠠ ᠴᠦᠭᠡᠨ ᠪᠣᠰᠣ ᠬᠦᠴᠢᠷᠳᠡᠯ ᠪᠠ ᠠᠰᠠᠭᠤᠳᠠᠯ ᠣᠷᠣᠰᠢᠵᠣ | ᠪᠠᠶᠢᠭ᠎ᠠ ᠶᠢ ᠰᠠᠷᠭᠡᠭ ᠢᠶᠠᠷ ᠲᠠᠨᠢᠬᠤ ᠬᠡᠷᠡᠭᠳᠡᠢ᠃ ᠴᠠᠬᠢᠯᠭᠠᠨ ᠣᠶᠢᠯᠠᠳᠪᠦᠷᠢ ᠶᠢᠨ ᠪᠠᠶᠢᠭᠤᠯᠣᠯᠳᠠ ᠶᠢᠨ ᠠᠬᠢᠴᠠ | ᠴᠠᠬᠢᠯᠭᠠᠨ ᠲᠠᠮᠵᠢᠭᠤᠯᠬᠤ ᠱᠣᠭᠤᠮ ᠠᠴᠠ ᠬᠤᠴᠣᠷᠠᠵᠣ᠂ ︽ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ | ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠲᠠᠢ ᠮᠠᠯᠴᠢᠨ ᠲᠠᠷᠢᠶᠠᠴᠢᠨ︾ ᠤ ᠢᠨᠵᠧᠨᠧᠷᠢᠩ ᠨᠡᠩ ᠠᠷᠪᠢᠨ | ᠣᠶᠢᠯᠡᠳᠦᠯᠭᠡ ᠶᠢᠨ ᠦᠷ᠎ᠡ ᠪᠦᠳᠦᠭᠡᠯ ᠪᠦᠷᠢᠯᠳᠦᠭᠦᠯᠦᠭᠡᠳᠦᠢ᠂ ᠪᠦᠬᠦ ᠴᠠᠷᠠᠭᠠᠨ ᠤ ᠵᠢᠭᠤᠯᠴᠢᠯᠠᠯ ᠡᠬᠢᠯᠡᠯᠳᠡ ᠶᠢᠨ | ᠱᠠᠳᠣᠨ ᠳᠤ ᠪᠠᠨ ᠪᠠᠶᠢᠵᠣ᠂ ᠴᠢᠨᠠᠷᠯᠢᠭ ᠬᠦᠭᠵᠢᠯᠳᠡ ᠲᠠᠢ ᠠᠵᠣ ᠣᠶᠢᠯᠠᠰ ᠤᠨ ᠰᠢᠰᠲ᠋ᠧᠮ ᠢ ᠪᠦᠷᠢᠯᠳᠦᠭᠦᠯᠬᠦ | ᠡᠭᠦᠷᠭᠡ ᠬᠦᠨᠳᠦ ᠪᠣᠢ︔ ᠬᠤᠳᠠ ᠬᠦᠳᠡᠭᠡ ᠶᠢᠨ ᠴᠢᠳᠠᠪᠬᠢᠳᠦ ᠪᠠᠶᠢᠷᠢᠯᠠᠭᠤᠯᠣᠯᠳᠠ ᠪᠣᠯᠣᠨ ᠣᠷᠣᠰᠢᠨ ᠰᠠᠭᠤᠬᠤ | ᠣᠷᠴᠢᠨ ᠰᠢᠯᠢᠳᠡᠭᠵᠢᠭᠡᠳᠦᠢ᠂ ᠨᠡᠶᠢᠳᠡ ᠶᠢᠨ ᠣᠶᠢᠯᠡᠴᠢᠯᠡᠭᠡᠨ ᠤ ᠨᠠᠷᠢᠯᠢᠭ ᠣᠨᠣᠪᠴᠢ ᠶᠢᠨ ᠲᠦᠪᠰᠢᠨ ᠬᠢᠬᠡᠳ | ᠠᠷᠠᠳ ᠤᠨ ᠠᠮᠢᠳᠣᠷᠠᠯ ᠤᠨ ᠣᠯᠠᠨ ᠶᠠᠩᠵᠣᠴᠢᠯᠠᠭᠰᠠᠨ ᠬᠡᠷᠡᠭᠴᠡᠭᠡ ᠬᠠᠷᠠᠬᠠᠨ ᠵᠦᠷᠢᠶ᠎ᠡ ᠲᠠᠢ ᠪᠠᠶᠢᠭᠰᠠᠭᠠᠷ︔ | ᠴᠦᠭᠡᠪᠳᠦᠷ ᠠᠯᠪᠠᠳᠠᠳ ᠬᠠᠷᠢᠭᠤᠴᠠᠯᠭ᠎ᠠ ᠣᠬᠠᠮᠰᠠᠷ ᠲᠣᠷᠣᠢ᠂ ᠣᠶᠢᠯᠠᠰ ᠪᠦᠳᠦᠭᠡᠬᠦ ᠡᠷᠴᠢ ᠬᠦᠴᠦᠨ ᠲᠣᠳᠠᠮᠠᠭ | ᠪᠠᠶᠢᠭᠰᠠᠭᠠᠷ᠃ ᠡᠳᠡᠭᠡᠷ ᠠᠰᠠᠭᠤᠳᠠᠯ ᠢ ᠪᠢᠲᠠ ᠨᠠᠮ᠂ ᠠᠷᠠᠳ ᠲᠦᠮᠡᠨ ᠪᠤᠯᠤᠨ ᠣᠳᠤᠭ ᠤᠨ ᠡᠮᠦᠨᠡᠳᠦ ᠬᠤᠰᠢᠭᠤᠨ | ᠤ ᠬᠦᠭᠵᠢᠯᠳᠡ ᠳᠤ ᠬᠠᠨᠳᠣᠬᠤ ᠣᠪᠦᠷ ᠢᠶᠠᠷ ᠬᠦᠴᠦᠨ ᠢᠶᠠᠨ ᠲᠦᠪᠯᠡᠷᠡᠭᠦᠯᠦᠨ ᠰᠢᠢᠳᠪᠣᠷᠢᠯᠡᠵᠣ᠂ ᠬᠤᠶᠢᠰᠢᠳᠠ ᠶᠢᠨ | ᠠᠵᠢᠯ ᠢᠶᠠᠨ ᠪᠦᠬᠦ ᠬᠦᠴᠦᠨ ᠢᠶᠠᠷ ᠰᠠᠶᠢᠳᠦᠷ ᠬᠢᠨ᠎ᠠ᠃ | ᠬᠤᠶᠠᠷ᠂ 2018 ᠣᠨ ᠤ ᠠᠵᠢᠯ ᠤᠨ ᠲᠣᠬᠢᠷᠠᠭᠤᠯᠭ᠎ᠠ | ᠦᠨᠤ ᠵᠢᠯ ᠪᠣᠯ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ | ᠨᠠᠶᠢᠳᠠᠪᠦᠷᠢᠵᠢᠭᠤᠯᠬᠤ ᠡᠬᠢᠯᠡᠯᠳᠡ ᠶᠢᠨ ᠵᠢᠯ᠂ ᠮᠦᠨ ᠴᠣ᠋ ᠰᠢᠨ᠎ᠡ ᠡᠬᠡᠯᠵᠢ ᠶᠢᠨ ᠵᠠᠰᠠᠭ ᠤᠨ ᠣᠷᠳᠣᠨ ᠤ ᠠᠵᠢᠯ ᠢᠶᠠᠨ | ᠡᠬᠢᠯᠡᠭᠦᠯᠬᠦ ᠵᠢᠯ ᠪᠣᠯᠣᠨ᠎ᠠ᠂ ᠨᠡᠩ ᠴᠤ ᠮᠠᠨ ᠤ ᠬᠤᠰᠢᠭᠤᠨ ᠤ ᠬᠦᠭᠵᠢᠯᠳᠡ ᠶᠢᠨ ᠰᠠᠭᠤᠷᠢ ᠪᠠᠨ | ᠲᠣᠭᠳᠠᠪᠦᠷᠢᠵᠢᠭᠤᠯᠣᠨ᠂ ᠬᠦᠭᠵᠢᠯᠳᠡ ᠶᠢᠨ ᠶᠠᠰᠣ ᠴᠢᠨᠠᠷ ᠢᠶᠠᠨ ᠲᠡᠭᠡᠭᠰᠢᠯᠡᠭᠦᠯᠬᠦ ᠵᠠᠩᠬᠢᠯᠠᠭ᠎ᠠ ᠶᠢᠨ ᠵᠢᠯ ᠪᠣᠯᠣᠨ᠎ᠠ᠂ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢᠶᠠᠨ ᠰᠠᠶᠢᠳᠦᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ | ᠶᠣᠮ᠃ | ᠲᠦᠯᠦᠭᠡᠯᠡᠭᠴᠢᠳ ᠡ᠂ ᠶᠡᠷᠦᠩᠬᠡᠢ ᠱᠦᠵᠢ ᠰᠢ ᠶᠢᠨ ᠫᠢᠩ ᠪᠦᠬᠦ ᠣᠯᠣᠰ ᠤᠨ ︽ᠬᠤᠶᠠᠷ ᠬᠤᠷᠠᠯ︾ ᠤᠨ | ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠬᠤᠷᠠᠯ ᠳᠤ ᠣᠷᠣᠯᠴᠠᠬᠤ ᠳᠤ ᠪᠠᠨ᠂ | ᠵᠣᠷᠢᠭ ᠢᠶᠠᠨ ᠬᠦᠪᠴᠢᠯᠡᠨ ᠰᠢᠨ᠎ᠡ ᠶᠢ ᠡᠭᠦᠳᠴᠦ᠂ ᠰᠢᠷᠭᠠᠭᠤ ᠬᠠᠳᠠᠭᠤᠵᠢᠯᠳᠠᠢ ᠠᠵᠢᠯᠯᠠᠵᠣ᠂ ᠪᠠᠳᠤᠯᠠᠵᠤ ᠰᠠᠬᠢᠨ | ᠬᠠᠷᠢᠯᠴᠠᠨ ᠬᠠᠮᠵᠢᠯᠴᠠᠵᠣ᠂ ᠪᠦᠯᠬᠦᠮᠳᠡᠨ ᠲᠡᠮᠡᠴᠡᠵᠥ᠂ ᠠᠵᠣ ᠠᠬᠤᠢ ᠶᠢᠨ ᠴᠢᠨᠠᠷ ᠰᠠᠶᠢᠳᠠᠢ ᠬᠦᠭᠵᠢᠯᠳᠡ᠂ ᠶᠠᠳᠠᠭᠤ | ᠠᠴᠠ ᠠᠩᠬᠢᠵᠢᠷᠠᠭᠤᠯᠬᠤ ᠠᠵᠢᠯ᠂ ᠦᠨᠳᠦᠰᠦᠳᠡᠨ ᠤ ᠪᠦᠯᠬᠦᠮᠳᠡᠯ ᠪᠡ ᠬᠢᠯᠢ ᠬᠢᠵᠠᠭᠠᠷ ᠤᠨ ᠠᠮᠣᠷ ᠲᠣᠭᠳᠠᠭᠤᠨ ᠢ | ᠯᠠᠪᠳᠠᠭᠤᠨ ᠪᠠᠳᠣᠳᠠᠢ ᠠᠬᠢᠭᠤᠯᠵᠣ᠂ ᠡᠬᠡ ᠣᠯᠣᠰ ᠤᠨ ᠣᠮᠠᠷᠠᠳᠦ ᠬᠢᠯᠢ ᠶᠢ ᠨᠡᠩ ᠦᠵᠡᠰᠭᠦᠯᠡᠩᠳᠦ ᠰᠠᠶᠢᠬᠠᠨ | ᠪᠣᠯᠭᠠᠨ ᠪᠦᠳᠦᠭᠡᠨ ᠪᠠᠶᠢᠭᠤᠯᠬᠤ ᠬᠡᠷᠡᠭᠳᠡᠢ ᠭᠡᠵᠣ ᠴᠢᠬᠤᠯᠠᠴᠢᠯᠠᠪᠠ᠃ ᠡᠨᠡ ᠪᠣᠯ ᠶᠡᠷᠦᠩᠬᠡᠢ ᠱᠦᠵᠢ 2014 ᠣᠨ | ᠳᠤ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠤ ᠲᠠᠷᠠᠭᠠᠬᠢ ᠲᠠᠬᠢᠨ ᠣᠳᠠᠭ᠎ᠠ ᠪᠢᠳᠠᠨ ᠤ ᠬᠤᠶᠢᠰᠢᠳᠠ ᠶᠢᠨ | ᠬᠦᠭᠵᠢᠯᠳᠡ ᠳᠤ ᠲᠣᠭᠳᠠᠭᠠᠵᠣ ᠦᠭᠭᠦᠭᠰᠡᠨ ᠠᠵᠢᠯᠯᠠᠭᠠᠨ ᠤ ᠬᠦᠳᠦᠯᠪᠦᠷᠢ ᠪᠣᠯᠣᠨ᠎ᠠ᠃ ᠣᠳᠣᠬᠠᠨ ᠳᠤ ᠮᠠᠨ ᠤ | ᠣᠯᠣᠰ ᠤᠨ ᠠᠵᠣ ᠠᠬᠤᠢ ᠨᠢᠭᠡᠨᠳᠡ ᠦᠨᠳᠦᠷ ᠬᠤᠷᠳᠣᠴᠠᠳᠦ ᠨᠡᠮᠡᠭᠳᠡᠯ ᠤᠨ ᠱᠠᠳᠣᠨ ᠠᠴᠠ ᠪᠠᠨ ᠴᠢᠨᠠᠷ ᠰᠠᠶᠢᠳᠠᠢ | ᠬᠦᠭᠵᠢᠯᠳᠡ ᠶᠢᠨ ᠱᠠᠳᠦ ᠲᠡᠰᠢ ᠰᠢᠯᠵᠢᠵᠣ᠂ ᠡᠬᠢ ᠰᠣᠷᠪᠣᠯᠵᠢ ᠳᠤ ᠲᠦᠰᠢᠭᠯᠡᠬᠦ ᠬᠦᠭᠵᠢᠯᠳᠡ ᠦᠷᠬᠦᠯᠵᠢᠯᠡᠬᠦ ᠳᠤ | ᠪᠡᠷᠬᠡ ᠪᠣᠯᠣᠭᠰᠠ ᠢ ᠪᠢᠳᠠ ᠣᠯᠵᠣ ᠬᠠᠷᠠᠬᠤ ᠬᠡᠷᠡᠭᠳᠡᠢ᠃ ᠬᠡᠷᠪᠡ ᠪᠢᠳᠠᠨ ᠤ ᠰᠡᠳᠬᠢᠭᠦᠢ᠂ ᠬᠦᠭᠵᠢᠯᠳᠡ ᠶᠢᠨ | ᠬᠡᠯᠪᠡᠷᠢ ᠦᠩᠭᠡᠷᠡᠭᠰᠡᠨ ᠤ ᠬᠠᠭᠤᠴᠢᠨ ᠠᠷᠭ᠎ᠠ ᠵᠠᠮ ᠲᠡᠭᠡᠷ᠎ᠡ ᠵᠣᠭᠰᠣᠩᠭᠤᠶᠢᠷᠠᠪᠠᠯ ᠭᠠᠷᠬᠤ ᠵᠠᠮ ᠦᠭᠡᠢ ᠮᠦᠷᠳᠡᠭᠡᠨ | ᠠᠵᠠ ᠲᠣᠬᠢᠶᠠᠯ ᠢ ᠴᠣ᠋ ᠠᠯᠳᠠᠨ᠎ᠠ᠃ ᠪᠢᠳᠠ ᠵᠦᠪᠬᠡᠨ ᠬᠡᠯᠪᠡᠷᠢ ᠪᠠᠨ ᠬᠤᠪᠢᠷᠠᠭᠤᠯᠬᠤ ᠬᠦᠭᠵᠢᠯᠳᠡ ᠶᠢᠨ ᠡᠭᠦᠳᠡᠨ | ᠠᠴᠠ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠪᠠᠨ ᠬᠦᠭᠵᠢᠭᠦᠯᠵᠣ᠂ ᠭᠤᠣᠯᠳᠠᠯᠭ᠎ᠠ ᠪᠠᠨ ᠠᠵᠣ | ᠣᠶᠢᠯᠠᠰ ᠤᠨ ᠪᠦᠳᠦᠴᠠ ᠶᠢ ᠬᠤᠪᠢᠷᠠᠭᠤᠯᠣᠨ ᠲᠡᠰ ᠲᠠᠪᠰᠢᠭᠤᠯᠬᠤ ᠲᠡᠭᠡᠷ᠎ᠡ ᠲᠠᠯᠪᠢᠵᠣ᠂ ᠰᠢᠨ᠎ᠠ ᠠᠵᠣ ᠣᠶᠢᠯᠠᠰ᠂ | ᠰᠢᠨ᠎ᠡ ᠬᠦᠳᠡᠯᠭᠡᠭᠴᠢ ᠬᠦᠴᠦᠨ᠂ ᠰᠢᠨ᠎ᠡ ᠨᠡᠮᠡᠭᠳᠡᠯ ᠤᠨ ᠲᠣᠶᠢᠯ ᠢ ᠶᠡᠭᠡ ᠪᠠᠷ ᠪᠣᠶᠢᠵᠢᠭᠤᠯᠪᠠᠯ ᠰᠠᠶ᠋ᠢ ᠶᠡᠷᠦᠩᠬᠡᠢ | ᠬᠡᠮᠵᠢᠶᠡᠨ ᠤ ᠨᠡᠮᠡᠭᠳᠡᠯ ᠲᠣᠮᠳᠠ ᠶᠠᠰᠦ ᠴᠢᠨᠠᠷ ᠢᠶᠠᠨ ᠲᠡᠭᠡᠭᠰᠢᠯᠡᠭᠦᠯᠵᠣ᠂ ︽ᠬᠡᠮᠵᠢᠶᠡᠨ ᠤ ᠲᠣᠳᠠᠭᠳᠠᠯ︾ ᠠᠴᠠ ︽ | ᠴᠢᠨᠠᠷ ᠢᠶᠠᠷ ᠭᠦᠢᠴᠡᠬᠦ︾ ᠲᠡᠰᠢᠬᠢ ᠲᠠᠪᠠᠯᠳᠠ ᠶᠢ ᠪᠡᠶᠡᠯᠡᠭᠦᠯᠵᠣ ᠴᠢᠳᠠᠨ᠎ᠠ᠃ ᠡᠬᠦᠨ ᠤ ᠬᠠᠮᠳᠦ ᠳᠤ ᠨᠢ᠂ ᠣᠶᠢᠷ᠎ᠠ | ᠵᠢᠯ ᠳᠤ ᠪᠢᠳᠠ ᠢᠮᠠᠭᠳᠠ ᠲᠦᠷᠦᠯ ᠵᠣᠶᠢᠯ ᠢ ᠠᠳᠬᠤᠨ᠂ ᠪᠡᠯᠡ ᠣᠷᠣᠭᠤᠯᠣᠯᠳᠠ ᠶᠢ ᠦᠷᠭᠡᠳᠬᠡᠵᠣ᠂ ᠨᠢᠭᠡ ᠪᠦᠯᠦᠭ | ᠴᠢᠬᠤᠯᠠ ᠶᠡᠭᠡ ᠲᠦᠷᠦᠯ ᠵᠣᠶᠢᠯ ᠢ ᠵᠠᠯᠭᠠᠪᠠᠷ ᠣᠷᠣᠨᠵᠢᠭᠤᠯᠣᠨ ᠪᠠᠶᠢᠭᠤᠯᠵᠣ᠂ ᠬᠦᠭᠵᠢᠯᠳᠡ ᠶᠢᠨ ᠬᠦᠳᠡᠯᠭᠡᠭᠴᠢ | ᠬᠦᠴᠦᠨ ᠢ ᠨᠡᠮᠡᠭᠳᠡᠭᠦᠯᠦᠨ᠂ ᠭᠤᠷᠪᠠᠨ ᠠᠵᠣ ᠣᠶᠢᠯᠠᠰ ᠤᠨ ᠪᠦᠳᠦᠴᠡ ᠡᠳᠦᠷ ᠢᠷᠡᠭᠦᠶ᠎ᠡ ᠵᠦᠢ ᠵᠣᠬᠢᠰᠳᠠᠢ ᠪᠣᠯᠵᠣ | ᠰᠠᠭᠤᠷᠢ ᠪᠠᠳᠣᠯᠠᠭ᠎ᠠ ᠶᠢᠨ ᠴᠢᠳᠠᠪᠦᠷᠢ ᠪᠦᠳᠦᠮᠵᠢᠳᠠᠢ ᠴᠢᠩᠭᠠᠷᠠᠭᠰᠠᠨ ᠢᠶᠠᠨ ᠣᠯᠵᠣ ᠲᠠᠨᠢᠨ᠂ ᠲᠠᠳᠬᠠᠯ ᠰᠡᠳᠬᠢᠭᠦᠢ | ᠪᠣᠯᠣᠨ ᠲᠦᠰᠢᠭᠯᠡᠬᠦ ᠦᠵᠡᠯ ᠢᠶᠠᠨ ᠲᠡᠪᠴᠢᠵᠣ᠂ ᠦᠵᠡᠯᠳᠡ ᠪᠠᠨ ᠰᠡᠳᠬᠢᠮᠵᠢ ᠪᠣᠯᠭᠠᠨ᠂ ᠰᠡᠳᠬᠢᠮᠵᠢ ᠪᠠᠨ | ᠠᠵᠢᠯᠯᠠᠭ᠎ᠠ ᠪᠣᠯᠭᠠᠵᠣ᠂ ᠣᠶᠢᠯᠠ ᠠᠵᠢᠯᠯᠠᠭ᠎ᠠ ᠪᠠᠷ ᠢᠶᠠᠨ ᠲᠦᠷᠦᠯ ᠵᠣᠶᠢᠯ ᠢ ᠣᠷᠣᠨᠵᠢᠭᠤᠯᠣᠨ᠂ ᠲᠦᠷᠦᠯ ᠵᠣᠶᠢᠯ | ᠢᠶᠠᠨ ᠢᠨᠵᠧᠨᠧᠷᠢᠩ ᠪᠣᠯᠭᠠᠨ ᠪᠠᠶᠢᠭᠤᠯᠪᠠᠯ ᠣᠳᠤᠭ ᠤᠨ ᠡᠮᠦᠨᠡᠳᠦ ᠬᠤᠰᠢᠭᠤᠨ ᠤ ᠪᠠᠨ ᠨᠠᠩ ᠴᠢᠨᠠᠷᠯᠢᠭ᠂ ᠨᠡᠩ | ᠪᠦᠳᠦᠮᠵᠢᠳᠡᠢ᠂ ᠨᠡᠩ ᠡᠷᠬᠡ ᠲᠡᠭᠰᠢ᠂ ᠨᠡᠩ ᠦᠷᠭᠦᠯᠵᠢᠭᠦᠶᠢᠴᠡ ᠬᠦᠭᠵᠢᠯᠳᠡ ᠶᠢ ᠪᠡᠶᠡᠯᠡᠭᠦᠯᠵᠣ᠂ ᠶᠡᠷᠦᠩᠬᠡᠢ ᠱᠦᠵᠢ | ᠰᠢ ᠶᠢᠨ ᠫᠢᠩ ᠵᠢᠭᠠᠪᠦᠷᠢ ᠱᠠᠭᠠᠷᠳᠠᠯᠭ᠎ᠠ ᠶᠢ ᠦᠭᠭᠢᠶᠡᠮᠦᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ | ᠡᠮᠦᠨᠡᠳᠦ ᠣᠳᠤᠭ ᠲᠤ ᠦᠨᠳᠦᠰᠦᠯᠡᠭᠦᠯᠵᠣ ᠴᠢᠳᠠᠬᠤ ᠶᠣᠮ᠃ | ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠡᠶᠢᠳᠠᠪᠦᠷᠢᠵᠢᠭᠤᠯᠣᠨ | ᠲᠣᠣᠱᠯᠠᠭᠤᠯᠵᠣ᠂ ᠬᠤᠰᠢᠭᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠨᠠᠢᠮᠠᠳᠣᠭᠠᠷ ᠣᠳᠠᠭ᠎ᠠ ᠶᠢᠨ | ᠪᠦᠬᠦᠳᠡ ᠬᠤᠷᠠᠯ ᠪᠣᠯᠣᠨ ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠣᠯᠣᠭᠡᠯᠡᠭᠴᠢᠳ ᠤᠨ ᠶᠡᠭᠡ | ᠬᠤᠷᠠᠯ ᠤᠨ ᠠᠩᠬᠠᠳᠣᠭᠠᠷ ᠬᠤᠷᠠᠯᠳᠣᠭᠠᠨ ᠤ ᠪᠠᠶᠢᠷᠢᠯᠠᠭᠤᠯᠣᠯᠳᠠ ᠱᠠᠭᠠᠷᠳᠠᠯᠭ᠎ᠠ ᠶᠣᠰᠣᠭᠠᠷ ᠲᠣᠭᠳᠠᠭᠠᠭᠰᠠᠨ 2018 | ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠨᠠᠮ ᠤᠨ ᠠᠷᠪᠠ ᠶᠢᠰᠣᠳᠣᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠣ ᠣᠯᠣᠰ ᠤᠨ ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ︽ | ᠲᠠᠪᠤ ᠶᠢ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠪᠣᠯᠣᠨ ︽ᠲᠦᠷᠪᠠᠨ ᠪᠦᠬᠦ ᠲᠠᠯ᠎ᠠ︾ ᠶᠢᠨ | ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠰᠢᠰᠲ᠋ᠧᠮ ᠲᠠᠢ ᠠᠬᠢᠭᠤᠯᠵᠣ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠳᠠᠯᠠᠨ᠂ ᠴᠢᠨᠠᠷᠯᠢᠭ ᠬᠦᠭᠵᠢᠯᠳᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠣ᠂ ᠭᠤᠷᠪᠠᠨ ᠶᠡᠭᠡ | ᠰᠢᠪᠳᠣᠯᠣᠯᠳᠠ ᠶᠢᠨ ᠠᠵᠢᠯ ᠢ ᠠᠳᠬᠤᠨ ᠬᠤᠷᠢᠭ᠎ᠠ ᠱᠣᠭᠤᠮ ᠢ ᠰᠠᠬᠢᠵᠣ᠂ ᠲᠦᠷᠦᠯ ᠵᠣᠶᠢᠯ ᠤᠨ ᠪᠠᠶᠢᠭᠤᠯᠣᠯᠳᠠ ᠶᠢ | ᠠᠳᠬᠤᠨ ᠨᠦᠭᠡᠴᠡ ᠬᠦᠴᠦᠨ ᠨᠡᠮᠡᠭᠳᠡᠭᠦᠯᠵᠣ᠂ ᠠᠵᠣ ᠣᠶᠢᠯᠠᠰ ᠤᠨ ᠲᠡᠰᠵᠢᠯ ᠢ ᠠᠳᠬᠤᠨ ᠲᠠᠪᠠᠭᠤᠯᠢᠭ ᠢᠶᠠᠨ | ᠬᠦᠴᠦᠷᠭᠡᠭᠵᠢᠭᠦᠯᠵᠣ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠶᠢ ᠠᠳᠬᠤᠨ ᠠᠮᠢᠳᠣᠯᠢᠭ ᠬᠦᠴᠦᠨ ᠢᠶᠠᠨ | ᠣᠷᠠᠮᠰᠢᠭᠤᠯᠵᠣ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠠᠳᠬᠤᠨ ᠡᠶ᠎ᠡ ᠵᠣᠬᠢᠴᠠᠯ ᠢ ᠠᠬᠢᠭᠤᠯᠵᠣ᠂ ᠰᠢᠨ᠎ᠡ | ᠴᠠᠭ ᠦᠶ᠎ᠡ ᠶᠢᠨ ᠰᠢᠨ᠎ᠠ ᠪᠠᠶᠢᠳᠠᠯ ᠰᠢᠨ᠎ᠡ ᠠᠵᠢᠯᠯᠠᠭ᠎ᠠ ᠪᠠᠷ ᠢᠶᠠᠨ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ | ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ ᠵᠢᠷᠣᠮ ᠰᠠᠶᠢᠨ᠂ ᠬᠡᠪ ᠰᠣᠷᠳᠠᠯ ᠲᠦᠪ ᠦᠵᠡᠰᠭᠦᠯᠡᠩᠳᠦ ᠰᠠᠶᠢᠬᠠᠨ | ᠡᠮᠦᠨᠡᠳᠦ ᠣᠳᠤᠭ ᠢ ᠴᠣᠭᠴᠠᠯᠠᠬᠤ ᠶᠠᠪᠣᠳᠠᠯ ᠪᠣᠯᠣᠨ᠎ᠠ᠃ | ᠥᠨᠥ ᠵᠢᠯ ᠤᠨ ᠭᠤᠤᠯ ᠪᠤᠯᠬᠤ ᠵᠢᠱᠢᠭᠰᠡᠨ ᠬᠠᠷᠠᠯᠳᠠ ᠶᠢ ᠲᠤᠭᠳᠠᠭᠠᠪᠠᠯ᠄ ᠪᠥᠭᠦ ᠬᠤᠰᠢᠭᠤᠨ ᠤ ᠭᠠᠵᠠᠷ | ᠤᠷᠤᠨ ᠤ ᠥᠢᠯᠡᠳᠪᠥᠷᠢᠯᠡᠯ ᠤᠨ ᠶᠡᠷᠥᠩᠬᠡᠢ ᠥᠷᠳᠡᠭ ᠢ 7% ᠥᠰᠭᠡᠵᠥ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠭᠥᠮᠥᠨ ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ 7.5% ᠪᠤᠯᠤᠨ 8% ᠥᠰᠭᠡᠵᠥ᠂ ᠬᠤᠳᠠ | ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 3% ᠲᠣᠳᠣᠷ᠎ᠠ ᠬᠢᠵᠠᠭᠠᠷᠯᠠᠵᠣ᠂ ᠬᠠᠩᠭᠠᠯᠭ᠎ᠠ | ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠪᠣᠳᠠᠳᠦ ᠠᠮᠵᠢᠯᠳᠠ ᠣᠯᠵᠣ᠂ ᠡᠨᠧᠷᠬᠢ ᠠᠷᠪᠢᠯᠠᠨ | ᠪᠣᠬᠢᠷᠳᠣᠯ ᠪᠠᠭᠠᠰᠬᠠᠬᠤ ᠬᠠᠷᠠᠯᠳᠠ ᠡᠭᠦᠷᠭᠡ ᠪᠠᠨ ᠪᠡᠶᠡᠯᠡᠭᠦᠯᠦᠨ᠂ ᠡᠳ᠋ ᠤᠨ ᠵᠠᠰᠠᠭ ᠮᠦᠩᠭᠦᠨ ᠭᠦᠢᠯᠭᠡᠭᠡᠨ ᠤ | ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠵᠣ᠂ ᠵᠢᠯ ᠤᠨ ᠦᠷᠢ ᠦᠭᠴᠡᠭᠡ ᠰᠢᠢᠳᠪᠣᠷᠢᠯᠡᠬᠦ ᠡᠭᠦᠷᠭᠡ ᠪᠠᠨ | ᠪᠡᠶᠡᠯᠡᠭᠦᠯᠦᠨ᠎ᠡ᠃ ᠲᠡᠭᠡᠷᠡᠬᠢ ᠬᠠᠷᠠᠯᠳᠠ ᠶᠢ ᠪᠡᠶᠡᠯᠡᠭᠦᠯᠬᠦ ᠳᠤ ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ | ᠲᠠᠢ ᠰᠠᠶᠢᠳᠦᠷ ᠬᠢᠬᠦ ᠬᠡᠷᠡᠭᠳᠡᠢ᠄ | ︵ᠨᠢᠭᠡ︶ ᠬᠤᠷᠢᠭ᠎ᠠ ᠱᠤᠭᠤᠮ ᠤᠨ ᠤᠬᠠᠮᠰᠠᠷ ᠢᠶᠠᠨ ᠪᠠᠬᠢᠵᠡᠬᠦᠯᠵᠣ᠂ ᠭᠤᠷᠪᠠᠨ ᠶᠡᠭᠡ ᠰᠢᠪᠲᠣᠯᠣᠯᠲᠠ ᠶᠢᠨ ᠠᠵᠢᠯ ᠢ | ᠰᠠᠶᠢᠲᠣᠷ ᠬᠢᠨ᠎ᠡ᠃ ᠵᠢᠯ ᠤᠨ ᠰᠢᠪᠲᠣᠯᠣᠯᠲᠠ ᠶᠢᠨ ᠡᠭᠦᠷᠭᠡ ᠶᠢᠨ ᠲᠣᠭᠤᠷᠢᠨ ᠳᠤ ᠨᠡᠩ ᠪᠣᠳᠠᠲᠠᠢ ᠨᠡᠶᠢᠴᠠᠪᠣᠷᠢᠲᠠᠢ | ᠪᠠᠲᠣᠯᠠᠭ᠎ᠠ ᠶᠢᠨ ᠪᠣᠳᠣᠯᠭ᠎ᠠ ᠪᠣᠯᠣᠨ ᠠᠵᠢᠯ ᠤᠨ ᠭᠤᠣᠯᠳᠠᠯᠭ᠎ᠠ ᠲᠣᠭᠲᠠᠭᠠᠵᠣ᠂ ᠪᠣᠳᠠᠲᠣ ᠦᠷ᠎ᠡ ᠪᠦᠲᠦᠮᠵᠢ ᠣᠯᠬᠤ | ᠶᠢ ᠪᠠᠲᠣᠯᠠᠨ᠎ᠠ᠃ | ᠨᠣᠴᠢᠲᠠᠢ ᠲᠦᠭᠰᠢᠬᠦᠷᠢ ᠶᠢ ᠰᠡᠷᠬᠡᠶᠢᠯᠡᠨ ᠰᠢᠢᠳᠪᠣᠷᠢᠯᠡᠬᠦ ᠠᠵᠢᠯ ᠢ ᠰᠠᠶᠢᠲᠣᠷ ᠬᠢᠨ᠎ᠡ᠃ ᠦᠭᠴᠡᠭᠡᠨ ᠤ | ᠲᠦᠭᠰᠢᠬᠦᠷᠢ ᠶᠢ ᠰᠡᠷᠬᠡᠶᠢᠯᠡᠨ ᠰᠢᠢᠳᠪᠣᠷᠢᠯᠡᠬᠦ ᠠᠵᠢᠯ ᠢ ᠡᠷᠴᠢᠮᠲᠠᠢ ᠠᠳᠬᠤᠵᠣ᠂ ᠦᠷᠢ ᠦᠭᠴᠡᠭᠡ ᠰᠢᠢᠳᠪᠣᠷᠢᠯᠡᠬᠦ | ᠵᠢᠯ ᠤᠨ ᠲᠦᠰᠣᠯ ᠢᠶᠠᠨ ᠣᠯᠠᠮ ᠲᠡᠬᠦᠯᠳᠡᠷᠵᠢᠬᠦᠯᠦᠨ᠂ ᠦᠷᠢ ᠦᠭᠴᠡᠭᠡ ᠰᠢᠢᠳᠪᠣᠷᠢᠯᠡᠬᠦ ᠡᠬᠦᠷᠭᠡ ᠪᠦᠷᠢ ᠶᠢ | ᠰᠠᠯᠠᠭ᠎ᠠ ᠮᠦᠴᠢᠷ ᠲᠤ ᠨᠠᠶᠢᠳᠠᠪᠦᠷᠢᠵᠢᠭᠤᠯᠣᠨ᠂ ᠲᠦᠷᠦᠯ ᠢᠯᠭᠠᠯ ᠢ ᠪᠣᠳᠠᠳᠠᠶᠢᠵᠢᠭᠤᠯᠣᠨ᠂ ᠲᠤᠭ᠎ᠠ ᠨᠣᠷᠮ᠎ᠠ ᠶᠢ | ᠲᠣᠳᠣᠷᠬᠠᠶᠢᠯᠠᠨ᠎ᠠ᠃ ᠬᠠᠳᠠᠭᠠᠯᠠᠮᠵᠢ ᠬᠦᠷᠦᠩᠭᠡ ᠶᠢ ᠪᠦᠳᠦᠮᠵᠢᠳᠠᠢ ᠠᠮᠢᠳᠣᠯᠢᠭᠵᠢᠭᠤᠯᠵᠣ᠂ ᠣᠯᠣᠰ ᠤᠨ | ᠦᠮᠴᠢᠯᠡᠯᠳᠦ ᠡᠬᠢ ᠰᠣᠷᠪᠣᠯᠵᠢ ᠶᠢ ᠣᠯᠠᠨ ᠲᠠᠯ᠎ᠠ ᠪᠠᠷ ᠨᠢᠭᠡᠳᠬᠡᠵᠣ᠂ ᠬᠦᠷᠦᠩᠭᠡ ᠶᠢᠨ ᠲᠠᠩᠰᠠᠯᠠᠯᠳᠠ᠂ ᠲᠦᠷᠦᠯ | ᠢᠯᠭᠠᠨ ᠰᠢᠢᠳᠪᠦᠷᠢᠯᠡᠬᠦ᠂ ᠦᠨ᠎ᠡ ᠬᠠᠶᠠᠯᠴᠠᠨ ᠬᠤᠳᠠᠯᠳᠣᠬᠤ ᠰᠢᠯᠵᠢᠭᠦᠯᠬᠦ ᠠᠬᠢᠴᠠ ᠶᠢ ᠲᠦᠷᠭᠡᠳᠬᠡᠨ᠂ ᠲᠦᠰᠦᠪ | ᠲᠣᠬᠢᠷᠠᠭᠤᠯᠭ᠎ᠠ᠂ ᠬᠢᠨᠠᠨ ᠪᠣᠳᠣᠵᠣ ᠬᠢᠨᠠᠨ ᠬᠠᠰᠣᠬᠤ᠂ ᠲᠦᠷᠦᠯ ᠢᠯᠭᠠᠯ ᠢ ᠬᠤᠪᠢᠷᠠᠭᠤᠯᠬᠤ ᠵᠡᠷᠭᠡ ᠠᠷᠭ᠎ᠠ ᠠᠪᠴᠠᠯ | ᠢ ᠢᠵᠢᠯ ᠠᠯᠬᠤᠮ ᠪᠠᠷ ᠨᠠᠶᠢᠳᠠᠪᠦᠷᠢᠵᠢᠭᠤᠯᠣᠨ᠂ 12.54 ᠳ᠋ᠦᠩᠰᠢᠭᠤᠷ ᠲᠦᠬᠦᠷᠢᠭ ᠦᠷᠢ ᠦᠭᠴᠡᠭᠡ ᠶᠢ ᠲᠦᠯᠦᠬᠦ | ᠡᠭᠦᠷᠭᠡ ᠪᠠᠨ ᠪᠡᠶᠡᠯᠡᠭᠦᠯᠵᠣ᠂ ᠵᠠᠰᠠᠭ ᠤᠨ ᠣᠷᠳᠣᠨ ᠤ ᠦᠷᠢ ᠦᠭᠴᠡᠭᠡᠨ ᠤ ᠨᠣᠷᠮ᠎ᠠ ᠶᠢ ᠲᠠᠬᠢᠨᠳᠠ 17 ᠵᠠᠭᠤᠨ ᠤ | ᠨᠢᠭᠡᠴᠢ ᠪᠠᠭᠤᠷᠠᠭᠤᠯᠣᠨ᠎ᠠ᠃ ᠵᠠᠰᠠᠭ ᠤᠨ ᠣᠷᠳᠣᠨ ᠦᠷᠢ ᠲᠠᠯᠪᠢᠵᠣ ᠪᠡᠯᠡ ᠬᠤᠷᠠᠮᠳᠣᠭᠤᠯᠬᠤ᠂ ᠨᠡᠶᠢᠳᠡ ᠶᠢᠨ | ᠣᠶᠢᠯᠡᠴᠢᠯᠡᠭᠡ ᠬᠤᠳᠠᠯᠳᠣᠨ ᠠᠪᠬᠤ ᠵᠡᠷᠭᠡ ᠠᠵᠢᠯᠯᠠᠭ᠎ᠠ ᠶᠢ ᠪᠦᠬᠦ ᠲᠠᠯ᠎ᠠ ᠪᠠᠷ ᠲᠦᠷᠢᠮᠵᠢᠭᠦᠯᠵᠣ᠂ ᠵᠠᠰᠠᠭ ᠤᠨ | ᠣᠷᠳᠣᠨ ᠤ ᠦᠷᠢ ᠲᠠᠯᠪᠢᠯᠳᠠ ᠶᠢ ᠲᠡᠭᠡᠳᠦ ᠱᠠᠳᠣᠨ ᠠᠴᠠ ᠬᠠᠮᠢᠶᠠᠷᠬᠤ ᠠᠵᠢᠯ ᠤᠨ ᠲᠣᠭᠳᠠᠴᠠ ᠶᠢ ᠡᠷᠡᠰ ᠴᠢᠩᠭ᠎ᠠ | ᠬᠡᠷᠡᠭᠵᠢᠭᠦᠯᠵᠣ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠨ ᠰᠢᠨ᠎ᠡ ᠪᠠᠶᠢᠭᠤᠯᠬᠤ ᠲᠦᠷᠦᠯ ᠵᠣᠶᠢᠯ ᠳᠤ ᠦᠷᠢ | ᠦᠭᠴᠡᠭᠡᠨ ᠤ ᠲᠦᠭᠰᠢᠭᠦᠷᠢ ᠶᠢ ᠦᠨᠡᠯᠡᠭᠦ ᠪᠠ ᠬᠠᠣᠯᠢ ᠴᠢᠨᠠᠷ ᠤᠨ ᠬᠢᠨᠠᠨ ᠪᠠᠶᠢᠴᠠᠭᠠᠯᠳᠠ ᠶᠢ ᠴᠢᠩᠭ᠎ᠠ ᠬᠡᠷᠡᠭᠵᠢᠭᠦᠯᠵᠣ | ᠂ ᠦᠷᠢ ᠦᠭᠴᠡᠭᠡ ᠨᠡᠮᠡᠭᠳᠡᠭᠦ ᠦᠭᠡᠢ ᠪᠠᠶᠢᠬᠤ ᠶᠢ ᠪᠠᠳᠣᠯᠠᠨ᠎ᠠ᠃ ᠮᠦᠩᠭᠦᠨ ᠭᠦᠢᠯᠭᠡᠭᠡᠨ ᠤ ᠲᠥᠭᠰᠢᠭᠦᠷᠢ ᠶᠢ ᠴᠢᠩᠭ᠎ᠠ | ᠰᠡᠷᠭᠡᠶᠢᠯᠡᠵᠣ᠂ ᠬᠠᠣᠯᠢ ᠲᠦᠷᠢᠮ ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠳᠠ | ᠦᠭᠴᠦ᠂ ᠢᠳᠡᠭᠡᠮᠵᠢ ᠶᠢᠨ ᠲᠦᠭᠰᠢᠭᠦᠷᠢ ᠪᠣᠯᠣᠨ ᠮᠠᠯᠵᠢᠬᠤ ᠲᠠᠷᠢᠶᠠᠯᠠᠬᠤ ᠣᠷᠣᠨ ᠤ ᠢᠳᠡᠭᠡᠮᠵᠢᠳᠦ ᠵᠢᠭᠡᠯᠡᠯᠭᠡ ᠶᠢᠨ | ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠵᠣ᠂ ᠰᠢᠰᠲ᠋ᠧᠮᠳᠦ ᠴᠢᠨᠠᠷ ᠲᠠᠢ ᠮᠦᠩᠭᠦᠨ ᠭᠦᠢᠯᠭᠡᠭᠡᠨ ᠤ ᠲᠦᠭᠰᠢᠭᠦᠷᠢ | ᠡᠭᠦᠰᠬᠦ ᠦᠭᠡᠢ ᠪᠠᠶᠢᠬᠤ ᠬᠤᠷᠢᠭ᠎ᠠ ᠱᠣᠭᠤᠮ ᠢ ᠪᠠᠳᠦ ᠰᠠᠬᠢᠨ᠎ᠡ᠃ | ᠨᠠᠷᠢᠯᠢᠭ ᠣᠨᠣᠪᠴᠢᠳᠠᠢ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠰᠠᠶᠢᠳᠦᠷ ᠬᠢᠨ᠎ᠠ᠃ | ᠶᠠᠳᠠᠭᠤ ᠠᠴᠠ ᠠᠩᠭᠢᠵᠢᠷᠠᠭᠤᠯᠬᠤ ᠠᠵᠢᠯ ᠢ ᠬᠦᠳᠡᠭᠡ ᠨᠣᠳᠤᠭ ᠢ ᠬᠦᠴᠦᠷᠭᠡᠭᠵᠢᠭᠦᠯᠬᠦ ᠪᠠᠶᠢᠯᠳᠣᠬᠤ ᠪᠣᠳᠣᠯᠭ᠎ᠠ ᠲᠠᠢ | ᠣᠷᠭᠠᠨᠢᠭ ᠣᠶᠠᠯᠳᠣᠭᠤᠯᠵᠣ᠂ ᠶᠠᠳᠠᠭᠤ ᠬᠦᠴᠢᠷᠳᠡᠯᠳᠡᠢ ᠣᠯᠠᠨ ᠲᠦᠮᠡᠨ ᠢ ᠨᠠᠷᠢᠯᠢᠭ ᠣᠨᠣᠪᠴᠢᠳᠠᠢ ᠲᠡᠳᠬᠦᠵᠣ᠂ | ᠰᠠᠭᠤᠷᠢ ᠪᠠᠷᠣᠭᠳᠠᠢ ᠭᠠᠴᠠᠭ᠎ᠠ ᠲᠣᠰᠬᠤᠨ ᠳᠤ ᠬᠦᠴᠦᠨ ᠢᠶᠠᠨ ᠲᠦᠪᠯᠡᠷᠡᠭᠦᠯᠦᠨ᠂ ᠪᠠᠷᠢᠮᠵᠢᠶ᠎ᠠ ᠶᠢ ᠪᠠᠭᠤᠷᠠᠭᠤᠯᠬᠤ | ᠦᠭᠡᠢ ᠲᠡᠭᠡᠭᠰᠢᠯᠡᠭᠦᠯᠬᠦ ᠦᠭᠡᠢ ᠪᠠᠷ ᠶᠠᠳᠠᠭᠤ ᠠᠴᠠ ᠠᠩᠭᠢᠵᠢᠷᠠᠬᠤ ᠴᠢᠨᠠᠷᠵᠢᠯ ᠢ ᠪᠠᠳᠣᠯᠠᠨ᠂ ᠶᠠᠳᠠᠭᠤ ᠠᠴᠠ | ᠠᠩᠭᠢᠵᠢᠷᠠᠭᠤᠯᠬᠤ ᠵᠢᠯ ᠤᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠂ ᠶᠠᠳᠠᠭᠤᠷᠠᠯ ᠤᠨ ᠨᠣᠷᠮ᠎ᠠ ᠶᠢ 0.1% | ᠲᠣᠳᠣᠷ᠎ᠠ ᠬᠢᠵᠠᠭᠠᠷᠯᠠᠨ᠎ᠠ᠃ ᠠᠵᠣ ᠣᠶᠢᠯᠠᠰ ᠢᠶᠠᠷ ᠲᠡᠳᠬᠦᠬᠦ ᠪᠠᠷ ᠭᠤᠣᠯᠳᠠᠯᠭ᠎ᠠ ᠪᠣᠯᠭᠠᠨ᠂ ︽ᠲᠣᠯᠣᠭᠠᠶᠢᠯᠠᠭᠴᠢ + | ᠰᠠᠭᠤᠷᠢᠨ ᠭᠠᠵᠠᠷ + ᠶᠠᠳᠠᠭᠤ ᠬᠦᠴᠢᠷᠳᠡᠯᠳᠡᠢ ᠡᠷᠦᠬᠡ︾ ᠶᠢᠨ ᠶᠠᠳᠠᠭᠤ ᠶᠢ ᠲᠡᠳᠬᠦᠬᠦ ᠵᠠᠭᠪᠣᠷ ᠢ ᠲᠦᠭᠡᠮᠡᠯᠵᠢᠭᠦᠯᠦᠨ | ᠂ ᠠᠰᠢᠭ ᠲᠣᠰᠠ ᠶᠢᠨ ᠬᠤᠯᠪᠣᠭᠠᠯᠠᠯ ᠤᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠲᠣᠭᠳᠠᠭᠠᠨ | ᠲᠣᠯᠣᠭᠠᠶᠢᠯᠠᠭᠴᠢ ᠠᠵᠣ ᠠᠬᠤᠶᠢᠯᠠᠯ ᠬᠢᠭᠡᠳ ᠬᠠᠮᠳᠣᠷᠠᠯ ᠬᠤᠷᠰᠢᠶ᠎ᠠ ᠠᠴᠠ ᠶᠠᠳᠠᠭᠤ ᠬᠦᠴᠢᠷᠳᠡᠯᠳᠡᠢ ᠡᠷᠦᠭᠡ ᠶᠢᠨ | ᠡᠬᠢ ᠰᠣᠷᠪᠣᠯᠵᠢ ᠪᠣᠯᠣᠨ ᠬᠦᠷᠦᠩᠭᠡ ᠬᠤᠭᠰᠢᠯ ᠢ ᠨᠡᠶᠢᠳᠭᠡᠨ ᠴᠡᠭᠴᠡᠵᠢᠭᠦᠯᠬᠦ ᠶᠢ ᠵᠣᠷᠢᠭᠵᠢᠭᠤᠯᠵᠣ᠂ ᠶᠠᠳᠠᠭᠤ | ᠬᠦᠴᠢᠷᠳᠡᠯᠳᠡᠢ ᠡᠷᠦᠭᠡ ᠶᠢᠨ ᠬᠦᠷᠦᠩᠭᠡ ᠬᠤᠭᠰᠢᠯ ᠤᠨ ᠠᠰᠢᠭ ᠣᠯᠭᠤᠮᠵᠢ ᠶᠢᠨ ᠲᠦᠪᠰᠢᠨ ᠢ ᠲᠡᠭᠡᠭᠰᠢᠯᠡᠭᠦᠯᠦᠨ᠂ | ᠶᠠᠳᠠᠭᠤ ᠬᠦᠴᠢᠷᠳᠡᠯᠳᠡᠢ ᠡᠷᠦᠭᠡ ᠶᠢ ᠲᠡᠮᠵᠢᠨ ᠠᠵᠣ ᠣᠶᠢᠯᠠᠰ ᠤᠨ ᠬᠡᠯᠬᠢᠶᠡᠵᠢᠯ ᠢᠶᠠᠷ ᠲᠠᠮᠵᠢᠭᠤᠯᠣᠨ ᠣᠷᠣᠯᠭ᠎ᠠ ᠶᠢ | ᠨᠢ ᠦᠷᠭᠦᠯᠵᠢᠯᠡᠨ ᠲᠣᠭᠳᠠᠭᠤᠨ ᠢᠶᠠᠷ ᠨᠡᠮᠡᠭᠳᠡᠭᠦᠯᠦᠨ᠎ᠡ᠃ ᠨᠠᠭᠠᠳᠦ ᠵᠠᠬ᠎ᠠ ᠶᠢ ᠨᠢ ᠪᠠᠳᠣᠯᠠᠬᠤ ᠪᠠᠷ ᠨᠦᠬᠦᠪᠦᠷᠢ | ᠪᠣᠯᠭᠠᠨ᠂ ᠰᠣᠷᠭᠠᠨ ᠬᠦᠮᠦᠵᠢᠯ᠂ ᠡᠷᠡᠭᠦᠯ ᠮᠡᠨᠳᠦ᠂ ᠨᠡᠶᠢᠭᠡᠮ ᠤᠨ ᠲᠠᠭᠠᠳᠬᠠᠯ ᠤᠨ ᠲᠦᠷᠦ ᠶᠢᠨ ᠪᠣᠳᠣᠯᠭ᠎ᠠ ᠶᠢᠨ | ᠠᠷᠭ᠎ᠠ ᠠᠪᠴᠠᠯ ᠢ ᠪᠦᠬᠦ ᠲᠠᠯ᠎ᠠ ᠪᠠᠷ ᠨᠠᠶᠢᠳᠠᠪᠦᠷᠵᠢᠭᠤᠯᠵᠣ᠂ ᠶᠠᠳᠠᠭᠤ ᠬᠦᠴᠢᠷᠳᠡᠯᠳᠡᠢ ᠡᠷᠦᠭᠡ ᠶᠢᠨ ᠡᠮ ᠡᠮᠨᠡᠯᠭᠡ | ᠶᠢᠨ ᠵᠠᠷᠣᠯᠭ᠎ᠠ ᠶᠢᠨ ᠪᠣᠳᠠᠳᠠᠢ ᠲᠠᠩᠰᠠᠨ ᠠᠴᠠ ᠲᠠᠶᠢᠯᠬᠤ ᠬᠠᠷᠢᠴᠠᠯ ᠢ ᠲᠡᠭᠡᠭᠰᠢᠯᠡᠭᠦᠯᠦᠨ 90% ᠠᠴᠠ ᠲᠡᠭᠡᠭᠰᠢ | ᠬᠦᠷᠭᠡᠨ᠎ᠡ᠃ ᠬᠦᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠬᠤ᠂ ᠭᠠᠴᠠᠭ᠎ᠠ ᠲᠣᠰᠬᠤᠨ ᠤ ᠴᠡᠪᠡᠷᠯᠡᠭᠡᠨ ᠤ ᠠᠵᠢᠯ | ᠵᠡᠷᠭᠡ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ ᠭᠠᠷᠭᠠᠵᠣ᠂ ᠲᠠᠩᠰᠠᠯᠠᠭᠰᠠᠨ ᠶᠠᠳᠠᠭᠤ ᠬᠦᠴᠢᠷᠳᠡᠯᠳᠡᠢ ᠡᠷᠦᠭᠡ | ᠪᠦᠬᠦᠨ ᠤ ᠨᠣᠷᠠᠬᠤ ᠠᠶᠣᠯᠳᠠᠢ ᠭᠡᠷ ᠪᠠᠶᠢᠰᠢᠩ ᠤᠨ ᠦᠭᠡᠷᠡᠴᠢᠯᠡᠯᠳᠡ ᠶᠢ ᠪᠡᠶᠡᠯᠡᠭᠦᠯᠵᠣ᠂ ᠶᠠᠳᠠᠭᠤ ᠬᠦᠴᠢᠷᠳᠡᠯᠳᠡᠢ | ᠡᠷᠦᠭᠡ ᠶᠢᠨ ᠦᠨᠳᠦᠰᠦᠨ ᠠᠮᠢᠳᠣᠷᠠᠯ ᠢ ᠪᠠᠳᠣᠯᠠᠨ᠎ᠠ᠃ ᠬᠢᠨᠠᠯᠳᠠ ᠰᠢᠯᠭᠠᠷᠠᠭᠤᠯᠣᠯᠳᠠ ᠪᠠᠷ ᠪᠠᠳᠣᠯᠠᠭ᠎ᠠ ᠪᠣᠯᠭᠠᠨ᠂ | ᠶᠠᠳᠠᠭᠤ ᠶᠢ ᠲᠡᠳᠬᠦᠬᠦ ᠪᠡᠯᠡ ᠮᠦᠩᠭᠦ ᠶᠢ ᠨᠢᠭᠡᠳᠬᠡᠬᠦ ᠪᠡ ᠠᠮᠵᠢᠯᠳᠠ ᠪᠦᠳᠦᠮᠵᠢ ᠶᠢᠨ ᠬᠠᠮᠢᠶᠠᠷᠣᠯᠳᠠ ᠶᠢ | ᠴᠢᠩᠭᠠᠳᠬᠠᠵᠣ᠂ ᠬᠢᠵᠠᠭᠠᠷᠯᠠᠬᠤ ᠪᠠ ᠱᠠᠩᠨᠠᠵᠣ ᠲᠣᠷᠭᠠᠬᠤ ᠲᠦᠷᠢᠮ ᠢ ᠲᠡᠭᠦᠯᠳᠡᠷᠵᠢᠭᠦᠯᠦᠨ᠂ ᠶᠠᠳᠠᠭᠤ ᠠᠴᠠ | ᠠᠩᠬᠢᠵᠢᠷᠠᠭᠤᠯᠬᠤ ᠠᠵᠢᠯ ᠤᠨ ᠰᠣᠷᠳᠠᠯ ᠤᠨ ᠪᠠᠶᠢᠭᠤᠯᠣᠯᠳᠠ ᠶᠢᠨ ᠣᠨ ᠤ ᠠᠵᠢᠯᠯᠠᠭ᠎ᠠ ᠶᠢ ᠭᠦᠨᠵᠡᠭᠡᠢ ᠠᠬᠢᠭᠤᠯᠵᠣ᠂ | ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠳᠠᠬᠢ ᠢᠯᠵᠢᠷᠠᠯ ᠪᠣᠯᠣᠨ ᠰᠣᠷᠳᠠᠯ ᠤᠨ ᠠᠰᠠᠭᠤᠳᠠᠯ ᠤᠨ ᠲᠣᠰᠬᠠᠢ | ᠴᠡᠭᠴᠡᠯᠡᠯᠳᠡ ᠦᠷᠨᠢᠭᠦᠯᠵᠣ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠦᠨᠡᠨ ᠬᠦ ᠠᠷᠠᠳ ᠲᠦᠮᠡᠨ ᠳᠤ | ᠮᠡᠳᠡᠷᠡᠭᠦᠯᠦᠨ᠂ ᠲᠡᠣᠭᠡ ᠶᠢᠨ ᠰᠢᠯᠭᠠᠯᠳᠡ ᠶᠢ ᠲᠣᠭᠤᠯᠠᠭᠤᠯᠣᠨᠠ᠃ | ᠪᠣᠬᠢᠷᠳᠣᠯ ᠢ ᠵᠠᠰᠠᠬᠤ ᠠᠵᠢᠯ ᠢ ᠰᠠᠶᠢᠳᠦᠷ ᠬᠢᠨ᠎ᠡ᠃ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ | ᠡᠷᠴᠢᠮ ᠲᠠᠢ ᠰᠢᠢᠳᠪᠦᠷᠢᠯᠡᠵᠣ᠂ ᠲᠦᠪ᠂ ᠣᠷᠣᠨ᠂ ᠬᠤᠳᠠ ᠶᠢᠨ ᠣᠷᠴᠢᠨ ᠲᠣᠭᠤᠷᠢᠨ ᠤ ᠬᠢᠨᠠᠨ ᠪᠠᠶᠢᠴᠠᠭᠠᠯᠳᠠ | ᠶᠢᠨ ᠬᠠᠷᠢᠭᠤ ᠲᠣᠰᠬᠠᠭᠰᠠᠨ ᠠᠰᠠᠭᠤᠳᠠᠯ ᠤᠨ ᠴᠡᠭᠴᠡᠯᠡᠯᠳᠡ ᠶᠢᠨ ᠬᠦᠴᠦᠯᠡᠴᠡ ᠪᠠᠨ ᠨᠡᠮᠡᠭᠳᠡᠭᠦᠯᠵᠣ᠂ ︽ᠲᠠᠪᠳᠠᠨ | ᠬᠢᠨᠠᠬᠤ︾ ᠬᠦᠳᠡᠯᠦᠩᠭᠦᠢ ᠬᠠᠮᠢᠶᠠᠷᠣᠯᠳᠠ ᠶᠢ ᠪᠠᠶᠢᠩᠭᠤᠵᠢᠭᠤᠯᠣᠨᠠ᠃ ᠪᠣᠬᠢᠷᠳᠣᠯ ᠢ ᠰᠡᠷᠭᠡᠶᠢᠯᠡᠨ ᠵᠠᠰᠠᠬᠤ ᠭᠤᠷᠪᠠᠨ | ᠵᠢᠯ ᠤᠨ ᠰᠢᠪᠳᠣᠯᠣᠯᠳᠠ ᠶᠢᠨ ᠠᠵᠢᠯᠯᠠᠭ᠎ᠠ ᠶᠢ ᠡᠬᠢᠯᠡᠬᠦᠯᠵᠣ᠂ ᠣᠯᠵᠠᠴᠢ ᠪᠠ ᠱᠠᠩᠬᠠᠢ ᠶᠢᠨ ᠰᠦᠮ᠎ᠡ ᠶᠢᠨ ᠪᠣᠬᠢᠷ | ᠣᠰᠣ ᠰᠢᠢᠳᠪᠦᠷᠢᠯᠡᠬᠦ ᠣᠶᠢᠯᠠᠳᠪᠦᠷᠢ ᠶᠢᠨ ᠪᠠᠷᠢᠮᠵᠢᠶ᠎ᠠ ᠲᠡᠭᠡᠭᠰᠢᠯᠡᠭᠦᠯᠬᠦ ᠦᠭᠡᠷᠡᠴᠢᠯᠡᠯᠳᠡ ᠪᠣᠯᠣᠨ ᠱᠠᠩᠬᠠᠢ ᠶᠢᠨ | ᠰᠦᠮ᠎ᠡ ᠬᠡᠥᠷᠡᠰᠥᠨ ᠲᠠᠯᠠᠪᠠᠢ ᠶᠢᠨ ᠪᠠᠶᠢᠭᠤᠯᠣᠯᠳᠠ ᠶᠢ ᠲᠦᠷᠭᠡᠳᠬᠡᠵᠣ᠂ ᠬᠤᠰᠢᠭᠤ ᠬᠡᠪᠴᠢᠶᠡᠨ ᠤ ᠣᠰᠣ᠂ | ᠬᠦᠷᠦᠰᠦ ᠰᠢᠷᠣᠢ ᠪᠣᠯᠣᠨ ᠠᠭᠠᠷ ᠤᠨ ᠴᠢᠨᠠᠷ ᠴᠢᠨᠰᠠᠭ᠎ᠠ ᠶᠢ ᠥᠷᠭᠦᠯᠵᠢᠯᠡᠨ ᠰᠠᠶᠢᠵᠢᠷᠠᠭᠤᠯᠣᠨ᠎ᠠ᠃ ᠣᠷᠴᠢᠨ | ᠬᠠᠮᠠᠭᠠᠯᠠᠯᠳᠠ ᠶᠢᠨ ᠬᠠᠣᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠣᠷᠴᠢᠨ ᠲᠣᠭᠤᠷᠢᠨ ᠤ | ᠭᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢᠨ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠵᠣ᠂ ᠠᠵᠣ | ᠣᠶᠢᠯᠠᠳᠪᠦᠷᠢ ᠶᠢᠨ ᠬᠦᠷᠢᠶᠡᠯᠡᠩ᠂ ᠴᠢᠯᠠᠭᠤᠨ ᠲᠣᠰᠣ ᠰᠢᠳᠠᠮᠠᠬᠠᠢ ᠭᠡᠢ ᠶᠢᠨ ᠨᠡᠭᠡᠭᠡᠯᠳᠡ ᠶᠢᠨ ᠠᠬᠤᠢ ᠲᠠᠯᠠᠪᠠᠢ ᠵᠡᠷᠭᠡ | ᠭᠤᠣᠯᠳᠠᠯᠭᠠᠳᠦ ᠣᠷᠣᠨ ᠬᠡᠪᠴᠢᠶᠡᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠲᠣᠪᠣᠶᠢᠮ᠎ᠠ | ᠰᠠᠶᠢᠳᠦᠷ ᠠᠳᠬᠤᠵᠣ᠂ ᠣᠷᠴᠢᠨ ᠲᠣᠭᠤᠷᠢᠨ ᠢ ᠨᠦᠯᠦᠭᠡᠯᠡᠬᠦ ᠨᠣᠴᠢᠳᠠᠢ ᠭᠡᠷᠡᠭ ᠡᠭᠦᠰᠬᠡᠬᠦ ᠦᠭᠡᠢ ᠶᠢ ᠪᠠᠳᠣᠯᠠᠨ᠎ᠠ᠃ | ᠭᠤᠣᠯ ᠤᠨ ᠲᠠᠷᠣᠭᠠᠴᠢ ᠶᠢᠨ ᠲᠦᠷᠢᠮ ᠢ ᠪᠦᠬᠦ ᠲᠠᠯ᠎ᠠ ᠬᠡᠷᠡᠭᠵᠢᠭᠦᠯᠦᠨ᠂ ᠭᠤᠣᠯ ᠪᠣᠯᠭᠠᠨ ᠳᠤ ᠠᠳᠠᠯᠢ ᠪᠣᠰᠣ | ᠪᠣᠳᠣᠯᠭ᠎ᠠ ᠬᠡᠷᠡᠭᠵᠢᠭᠦᠯᠦᠨ ᠶᠡᠷᠦᠩᠬᠡᠶᠢᠯᠡᠨ ᠵᠠᠰᠠᠵᠣ᠂ ᠣᠣᠭᠤᠬᠤ ᠣᠰᠣᠨ ᠤ ᠡᠬᠢ ᠶᠢᠨ ᠲᠦᠷᠢᠮᠵᠢᠭᠰᠡᠨ | ᠪᠠᠶᠢᠭᠤᠯᠣᠯᠳᠠ ᠶᠢ ᠲᠦᠷᠭᠡᠳᠬᠡᠵᠣ᠂ ᠲᠦᠪᠯᠡᠷᠡᠭᠭᠦᠢ ᠬᠠᠩᠭᠠᠯᠭ᠎ᠠ ᠶᠢᠨ ᠣᠰᠣᠨ ᠡᠬᠢ ᠶᠢᠨ ᠣᠰᠣᠨ ᠤ ᠴᠢᠨᠠᠷ ᠢ | ᠪᠠᠳᠣᠯᠠᠨ᠎ᠠ᠃ ᠠᠮᠢ ᠠᠬᠤᠢ ᠶᠢᠨ ᠪᠠᠶᠢᠭᠤᠯᠣᠯᠳᠠ ᠶᠢᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠭᠦᠯᠵᠣ᠂ ᠣᠰᠣ | ᠪᠠᠷ ᠨᠡᠭᠡᠭᠡᠯᠳᠡ ᠶᠢ ᠲᠣᠭᠳᠠᠭᠠᠬᠤ ᠪᠠ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠲᠣᠭᠳᠠᠭᠠᠬᠤ | ᠶᠢ ᠭᠤᠶᠢᠪᠢᠰᠢ ᠦᠭᠡᠢ ᠪᠠᠷᠢᠮᠳᠠᠯᠠᠵᠣ᠂ ᠬᠤᠰᠢᠭᠤ ᠪᠠᠯᠭᠠᠰᠦ ᠬᠤᠶᠠᠷ ᠱᠠᠳᠤᠨ ᠤ ᠬᠠᠣᠯᠢ ᠭᠡᠷᠡᠭᠵᠢᠭᠦᠯᠬᠦ ᠬᠦᠴᠦᠨ ᠢ | ᠴᠡᠭᠴᠡᠵᠢᠭᠦᠯᠦᠨ ᠰᠢᠯᠢᠳᠡᠭᠵᠢᠭᠦᠯᠵᠣ᠂ ᠭᠠᠵᠠᠷ ᠲᠣᠣᠷᠠᠬᠢ ᠣᠰᠣᠨ ᠤ ᠨᠡᠭᠡᠭᠡᠯᠳᠡ ᠶᠢᠨ ᠬᠠᠷᠢᠭᠤᠴᠠᠯᠭ᠎ᠠ ᠶᠢᠨ | ᠲᠣᠭᠳᠠᠴᠠ ᠲᠣᠭᠳᠠᠭᠠᠨ᠂ ᠬᠡᠳᠦᠷᠡᠳᠡᠯ᠎ᠡ ᠨᠡᠭᠡᠭᠡᠭᠰᠡᠨ ᠣᠷᠣᠨ ᠳᠤ ︽ᠬᠤᠳᠳᠤᠭ ᠢ ᠪᠢᠳᠡᠭᠦᠮᠵᠢᠯᠡᠨ ᠲᠠᠷᠢᠶᠠᠨ ᠭᠠᠵᠠᠷ | ᠢ ᠪᠠᠭᠠᠰᠬᠠᠬᠤ︾ ᠶᠢ ᠠᠯᠬᠤᠮ ᠲᠠᠷᠠᠭᠠᠯᠠᠨ ᠬᠡᠷᠡᠭᠵᠢᠭᠦᠯᠵᠣ᠂ ᠭᠠᠵᠠᠷ ᠨᠡᠭᠡᠭᠡᠨ ᠣᠰᠣᠯᠠᠯᠳᠠ ᠦᠷᠭᠡᠳᠬᠡᠬᠦ ᠠᠵᠢᠯᠯᠠᠭ᠎ᠠ | ᠶᠢ ᠣᠭ ᠦᠨᠳᠦᠰᠦᠨ ᠠᠴᠠ ᠨᠢ ᠵᠣᠭᠰᠣᠭᠠᠨ᠎ᠠ᠃ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠴᠢᠩᠭ᠎ᠠ | ᠪᠣᠳᠣᠯᠭ᠎ᠠ ᠬᠡᠷᠡᠭᠵᠢᠭᠦᠯᠵᠣ᠂ ᠲᠠᠯᠳᠠᠭᠤᠷ ᠪᠡᠯᠴᠢᠭᠡᠷᠯᠡᠭᠦᠯᠬᠦ ᠪᠠ ᠦᠳᠠᠰᠢ ᠪᠡᠯᠴᠢᠭᠡᠬᠦ᠂ ᠣᠢ ᠪᠡᠯᠴᠢᠭᠡᠷ ᠢ ᠡᠪᠡᠳᠡᠬᠦ | ᠵᠡᠷᠭᠡ ᠬᠠᠣᠯᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠠᠮᠢ ᠠᠬᠤᠢ ᠣᠷᠴᠢᠨ ᠢ | ᠦᠷᠭᠦᠯᠵᠢᠯᠡᠨ ᠰᠠᠶᠢᠵᠢᠷᠠᠭᠤᠯᠣᠨ᠎ᠠ᠃ ᠪᠡᠭᠡᠵᠢᠩ ᠲᠢᠶᠠᠨᠵᠢᠨ ᠤ ᠰᠠᠯᠬᠢ ᠰᠢᠷᠣᠢ ᠶᠢᠨ ᠡᠬᠢ ᠶᠢᠨ ᠵᠠᠰᠠᠯᠳᠠ᠂ ᠣᠯᠣᠰ | ᠤᠨ ᠬᠦᠷᠦᠰᠦ ᠰᠢᠷᠣᠢ ᠶᠢᠨ ᠢᠳᠡᠭᠳᠡᠯ ᠤᠨ ᠵᠠᠰᠠᠯᠳᠠ᠂ ᠪᠠᠶᠢᠭᠠᠯᠢ ᠶᠢᠨ ᠣᠢ ᠶᠢᠨ ᠬᠠᠮᠠᠭᠠᠯᠠᠯᠳᠠ ᠵᠡᠷᠭᠡ ᠠᠮᠢ ᠠᠬᠤᠢ | ᠶᠢᠨ ᠭᠤᠣᠯᠳᠠᠯᠭᠠᠳᠦ ᠲᠦᠷᠦᠯ ᠵᠣᠶᠢᠯ ᠢ ᠦᠷᠭᠦᠯᠵᠢᠯᠡᠨ ᠬᠡᠷᠡᠭᠵᠢᠭᠦᠯᠵᠣ᠂ ︽ᠰᠢᠷᠭᠤᠯᠵᠢᠨ︾ ᠣᠢ ᠶᠢᠨ ᠨᠡᠶᠢᠳᠡ | ᠶᠢᠨ ᠠᠰᠠᠷᠠᠮᠵᠢ ᠶᠢᠨ ᠣᠶᠢᠵᠢᠭᠤᠯᠬᠤ ᠲᠦᠷᠦᠯ ᠵᠣᠶᠢᠯ ᠢ ᠰᠢᠨᠡᠴᠢᠯᠡᠯ ᠲᠠᠢ ᠠᠬᠢᠭᠤᠯᠵᠣ᠂ ᠵᠢᠯ ᠤᠨ ᠲᠣᠳᠣᠷ᠎ᠠ 10 | ᠲᠦᠮᠡᠨ ᠮᠣ᠋ ᠣᠯᠣᠰ ᠤᠨ ᠨᠣᠳᠤᠭ ᠲᠡᠪᠢᠰᠬᠡᠷ ᠤᠨ ᠣᠶᠢᠵᠢᠭᠤᠯᠣᠯᠳᠠ᠂ 27 ᠲᠦᠮᠡᠨ ᠮᠣ᠋ ᠬᠦᠷᠦᠰᠦ ᠰᠢᠷᠣᠢ ᠶᠢᠨ | ᠢᠳᠡᠭᠳᠡᠯ ᠤᠨ ᠵᠠᠰᠠᠯᠳᠠ᠂ 50 ᠲᠦᠮᠡᠨ ᠮᠣ᠋ ᠨᠣᠳᠤᠭ ᠪᠡᠯᠴᠢᠭᠡᠷ ᠤᠨ ᠬᠠᠮᠠᠭᠠᠯᠠᠯᠳᠠ ᠶᠢ ᠪᠡᠶᠡᠯᠡᠭᠦᠯᠵᠣ᠂ ᠠᠮᠢ | ᠠᠬᠤᠢ ᠶᠢᠨ ᠪᠣᠯᠪᠠᠰᠣᠨ ᠤ ᠲᠠᠭᠤᠷᠢᠶᠠᠯ ᠬᠤᠰᠢᠭᠤ ᠶᠢᠨ ᠴᠣᠭᠴᠠᠯᠠᠯᠳᠠ ᠶᠢ ᠲᠦᠷᠭᠡᠳᠬᠡᠨ᠂ ᠴᠡᠯᠮᠡᠭ ᠲᠡᠭᠷᠢ᠂ | ᠴᠡᠯᠡᠭᠡᠷ ᠲᠠᠯ᠎ᠠ᠂ ᠴᠡᠩᠬᠡᠭ ᠣᠰᠣ ᠲᠠᠢ ᠣᠳᠤᠭ ᠤᠨ ᠡᠮᠦᠨᠡᠳᠦ ᠬᠤᠰᠢᠭᠤ ᠶᠢ ᠴᠣᠭᠴᠠᠯᠠᠨ᠎ᠠ᠃ | ︵ᠬᠤᠶᠠᠷ︶ ᠲᠦᠷᠦᠯ ᠵᠣᠶᠢᠯ ᠤᠨ ᠰᠢᠪᠳᠣᠯᠣᠯᠳᠠ ᠶᠢ ᠡᠷᠴᠢᠮ ᠲᠠᠢ ᠠᠬᠢᠭᠤᠯᠵᠣ᠂ ᠪᠣᠳᠠᠳᠦ ᠴᠣᠭᠴᠠ ᠶᠢᠨ | ᠠᠵᠣ ᠠᠬᠤᠢ ᠶᠢ ᠪᠣᠶᠢᠵᠢᠭᠤᠯᠣᠨ ᠪᠣᠵᠠᠭᠠᠶᠢᠷᠠᠭᠤᠯᠣᠨ᠎ᠠ᠃ ᠴᠢᠬᠤᠯᠠ ᠶᠡᠭᠡ ᠲᠦᠷᠦᠯ ᠵᠣᠶᠢᠯ ᠤᠨ ᠪᠠᠶᠢᠭᠤᠯᠣᠯᠳᠠ ᠪᠠᠷ | ᠭᠠᠷᠳᠠᠴᠠ ᠪᠣᠯᠭᠠᠨ᠂ ᠰᠢᠨ᠎ᠡ ᠠᠵᠣ ᠣᠶᠢᠯᠠᠰ ᠢ ᠪᠣᠶᠢᠵᠢᠭᠤᠯᠵᠣ᠂ ᠰᠢᠨ᠎ᠡ ᠬᠦᠳᠡᠯᠭᠡᠭᠴᠢ ᠬᠦᠴᠦᠨ ᠢ | ᠬᠤᠷᠠᠮᠳᠣᠭᠤᠯᠣᠨ᠂ ᠰᠢᠨ᠎ᠡ ᠨᠡᠮᠡᠭᠳᠡᠯ ᠤᠨ ᠲᠣᠶᠢᠯ ᠢ ᠪᠦᠷᠢᠯᠳᠦᠭᠦᠯᠦᠨ᠎ᠡ᠃ ᠪᠦᠬᠦ ᠵᠢᠯ ᠳᠤ ᠶᠡᠷᠦᠩᠬᠡᠢ ᠪᠡᠯᠡ | ᠤᠷᠤᠭᠤᠯᠤᠯᠳᠠ ᠨᠢ 1026 ᠳ᠋ᠥᠩᠰᠢᠭᠤᠷ ᠲᠥᠭᠦᠷᠢᠭ ᠤᠨ 155 ᠲᠦᠷᠦᠯ ᠵᠣᠶᠢᠯ ᠢ ᠬᠡᠷᠡᠭᠵᠢᠭᠦᠯᠬᠦ ᠪᠠᠷ | ᠲᠦᠯᠦᠪᠯᠡᠵᠣ᠂ ᠡᠬᠦᠨ ᠳᠤ ᠳ᠋ᠥᠩᠰᠢᠭᠤᠷ ᠲᠥᠭᠦᠷᠢᠭ ᠠᠴᠠ ᠲᠡᠭᠡᠭᠰᠢᠬᠢ ᠲᠦᠷᠦᠯ ᠵᠣᠶᠢᠯ 48᠂ ᠲᠣᠰ ᠵᠢᠯ ᠳᠤ ᠪᠠᠨ | ᠶᠡᠷᠦᠩᠬᠡᠢ ᠪᠡᠯᠡ ᠣᠷᠣᠭᠤᠯᠣᠯᠳᠠ ᠶᠢᠨ 90% ᠠᠴᠠ ᠲᠡᠭᠡᠭᠰᠢ ᠶᠢ ᠪᠡᠶᠡᠯᠡᠭᠦᠯᠬᠦ ᠪᠠᠷ ᠲᠦᠯᠦᠪᠯᠡᠵᠣ ᠪᠣᠢ᠃ | ᠲᠦᠷᠦᠯ ᠵᠣᠶᠢᠯ ᠤᠨ ᠠᠬᠢᠯᠳᠠ ᠶᠢ ᠲᠦᠷᠭᠡᠳᠬᠡᠨ᠎ᠡ᠃ ︽ᠠᠭᠤᠵᠢᠭᠤ ᠲᠠᠯᠪᠢᠵᠤ ᠴᠢᠩᠭ᠎ᠠ ᠬᠠᠮᠢᠶᠠᠷᠬᠤ︾ | ᠵᠠᠷᠴᠢᠮ ᠶᠣᠰᠣᠭᠠᠷ ︽ᠡᠮᠡᠭᠡᠯ ᠶᠡᠭᠦᠯᠡᠨ ᠮᠤᠷᠢ ᠰᠤᠯᠢᠬᠤ︾ ᠲᠦᠷᠦᠯ ᠵᠣᠶᠢᠯ ᠤᠨ ᠭᠡᠳᠡᠷᠭᠦ ᠰᠢᠬᠠᠮᠳᠠᠭᠤᠯᠬᠤ | ᠲᠣᠭᠳᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠦᠷᠦᠯ ᠵᠣᠶᠢᠯ ᠤᠨ ᠣᠷᠣᠨᠵᠢᠭᠤᠯᠣᠯᠳᠠ ᠶᠢ ᠠᠬᠢᠭᠤᠯᠣᠨ᠂ | ᠲᠦᠷᠦᠯ ᠵᠣᠶᠢᠯ ᠤᠨ ᠠᠬᠢᠴᠠ ᠶᠢ ᠰᠢᠯᠢᠳᠡᠭᠵᠢᠭᠦᠯᠦᠨ᠎ᠡ᠃ ᠰᠢᠶᠠᠨ ᠤ ᠲᠡᠰ ᠤᠨ ᠣᠳᠣᠷᠢᠳᠬᠤ ᠺᠠᠳ᠋ᠷ ᠤᠨ ᠴᠢᠬᠤᠯᠠ | ᠶᠡᠭᠡ ᠲᠦᠷᠦᠯ ᠵᠣᠶᠢᠯ ᠢ ᠲᠠᠭᠠᠭᠠᠴᠢᠯᠠᠨ ᠠᠳᠬᠤᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠦᠷᠢᠵᠢᠭᠤᠯᠵᠣ᠂ ᠲᠦᠷᠦᠯ ᠵᠣᠶᠢᠯ ᠪᠣᠯᠭᠠᠨ ᠳᠤ ᠠᠬᠢᠭᠤᠯᠬᠤ ᠲᠦᠰᠦᠯ ᠲᠣᠭᠳᠠᠭᠠᠨ ᠨᠢᠭᠡ ᠣᠳᠣᠷᠢᠳᠣᠯᠭ᠎ᠠ | ᠲᠣᠯᠣᠭᠠᠶᠢᠯᠠᠨ ᠠᠳᠬᠤᠵᠣ ᠨᠢᠭᠡ ᠪᠠᠭ ᠢᠶᠠᠷ ᠬᠠᠮᠳᠣᠷᠠᠨ ᠰᠢᠪᠳᠣᠯᠵᠣ᠂ ᠨᠠᠷᠢᠯᠢᠭ ᠣᠨᠣᠪᠴᠢᠳᠠᠢ ᠬᠦᠴᠦᠯᠡᠨ᠂ | ᠬᠢᠵᠠᠭᠠᠷᠯᠠᠯ ᠢ ᠡᠪᠳᠡᠨ᠂ ᠬᠠᠪᠣᠷ ᠨᠠᠮᠣᠷ ᠭᠤᠣᠯᠳᠠᠯᠭᠠᠳᠦ ᠲᠦᠷᠦᠯ ᠵᠣᠶᠢᠯ ᠢ ᠪᠠᠷᠢᠯᠭ᠎ᠠ ᠡᠬᠢᠯᠡᠭᠦᠯᠦᠨ ᠰᠡᠷᠭᠦᠭᠡᠬᠦ | ᠨᠣᠷᠮ᠎ᠠ ᠶᠢ ᠲᠣᠰᠪᠦᠷᠢ 60% ᠪᠠ 90% ᠠᠴᠠ ᠲᠡᠭᠡᠭᠰᠢ ᠬᠦᠷᠭᠡᠨ᠎ᠡ᠃ ᠠᠵᠣ ᠣᠶᠢᠯᠠᠳᠪᠦᠷᠢ ᠶᠢᠨ ᠴᠢᠬᠤᠯᠠ | ᠶᠡᠭᠡ ᠲᠦᠷᠦᠯ ᠵᠣᠶᠢᠯ ᠤᠨ ᠣᠷᠣᠨᠵᠢᠭᠤᠯᠣᠯᠳᠠ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠵᠣ᠂ ᠱᠠᠨᠳᠦ᠋ᠩ | ᠤᠨ ᠱᠧᠩ ᠯᠦ ᠴᠠᠬᠢᠯᠭᠠᠨ ᠣᠶᠢᠯᠠᠳᠪᠦᠷᠢ ᠶᠢᠨ ᠪᠠᠶᠢᠭᠤᠯᠣᠯᠳᠠ ᠶᠢ ᠲᠦᠷᠭᠡᠳᠬᠡᠵᠣ᠂ ᠵᠢᠯ ᠤᠨ ᠪᠠᠶᠢᠭᠤᠯᠣᠯᠳᠠ ᠶᠢᠨ | ᠡᠭᠦᠷᠭᠡ ᠪᠠᠨ ᠵᠢᠱᠢᠭᠰᠡᠨ ᠬᠠᠷᠠᠯᠳᠠ ᠠᠴᠠ ᠲᠠᠪᠠᠭᠤᠯᠬᠤ ᠶᠢ ᠪᠠᠳᠣᠯᠠᠨ᠎ᠠ︔ ᠤᠯᠤᠰ ᠤᠨ ᠴᠠᠬᠢᠯᠭᠠᠨ ᠪᠥᠯᠥᠭᠯᠡᠯ ᠤᠨ | ᠱᠤᠸᠠᠩ ᠸᠧᠢ ᠪᠣᠯᠣᠨ ᠴᠠᠩ ᠴᠧᠩ ᠴᠠᠬᠢᠯᠭᠠᠨ ᠣᠶᠢᠯᠠᠳᠪᠦᠷᠢ ᠶᠢ ᠲᠡᠭᠡᠷ᠎ᠡ ᠬᠠᠭᠠᠰ ᠵᠢᠯ ᠳᠤ ᠪᠠᠷᠢᠯᠭ᠎ᠠ ᠡᠬᠢᠯᠡᠭᠦᠯᠬᠦ | ᠶᠢ ᠠᠬᠢᠭᠤᠯᠵᠣ᠂ ᠱᠧᠨ ᠬᠤᠸᠠ ᠶᠢᠨ ᠤᠯᠤᠰ ᠤᠨ ᠡᠨᠧᠷᠬᠢ ᠶᠢᠨ ᠴᠠᠬᠢᠯᠭᠠᠨ ᠥᠢᠯᠡᠳᠪᠥᠷᠢ᠂ ᠬᠤᠸᠠ ᠰᠢᠩ ᠤᠨ | ᠨᠡᠭᠦᠷᠡᠰᠦ ᠪᠠᠷ ᠬᠡᠢ ᠣᠶᠢᠯᠡᠳᠬᠦ ᠲᠥᠷᠥᠯ ᠵᠥᠢᠯ ᠢ ᠵᠢᠯ ᠤᠨ ᠲᠣᠳᠣᠷ᠎ᠠ ᠵᠦᠪᠰᠢᠶᠡᠷᠡᠭᠦᠯᠦᠨ᠎ᠡ︔ ᠨᠢᠭᠡᠨᠳᠡ | ᠵᠦᠪᠰᠢᠶᠡᠷᠡᠭᠰᠡᠨ ᠴᠠᠬᠢᠯᠭᠠᠨ ᠣᠶᠢᠯᠠᠳᠪᠦᠷᠢ ᠶᠢᠨ ᠲᠦᠷᠦᠯ ᠵᠣᠶᠢᠯ ᠤᠨ ᠡᠬᠢ ᠰᠣᠷᠪᠣᠯᠵᠢ ᠶᠢᠨ ᠲᠦᠬᠦᠷᠵᠢᠭᠦᠯᠦᠯᠳᠡ | ᠶᠢ ᠵᠣᠬᠢᠴᠠᠭᠤᠯᠣᠨ ᠠᠬᠢᠭᠤᠯᠵᠣ᠂ ᠲᠦᠬᠦᠷ ᠨᠡᠭᠦᠷᠡᠰᠣᠨ ᠠᠭᠤᠷᠬᠠᠢ ᠶᠢᠨ ᠠᠭᠤᠷᠬᠠᠢ ᠮᠠᠯᠳᠠᠬᠤ ᠦᠨᠡᠮᠯᠡᠯ ᠤᠨ | ᠭᠦᠢᠴᠡᠳᠭᠡᠯ᠂ ᠮᠡᠳᠡᠭᠦᠯᠦᠨ ᠵᠦᠪᠰᠢᠶᠡᠷᠡᠭᠦᠯᠬᠦ ᠵᠡᠷᠭᠡ ᠠᠵᠢᠯ ᠢ ᠲᠦᠷᠭᠡᠳᠬᠡᠵᠣ᠂ ᠲᠣᠰ ᠵᠢᠯ ᠳᠤ ᠪᠣᠳᠠᠳᠦ ᠠᠬᠢᠯᠳᠠ | ᠭᠠᠷᠭᠠᠬᠤ ᠪᠠᠷ ᠴᠢᠷᠮᠡᠶᠢᠨ᠎ᠡ︔ ᠴᠢᠯᠠᠭᠤᠨ ᠲᠣᠰᠣ ᠰᠢᠳᠠᠮᠠᠬᠠᠢ ᠬᠡᠢ ᠶᠢᠨ ᠨᠡᠭᠡᠭᠡᠯᠳᠡ ᠶᠢ ᠲᠦᠷᠭᠡᠳᠬᠡᠵᠣ᠂ ᠲᠣᠰ ᠵᠢᠯ | ᠳᠤ ᠰᠢᠳᠠᠮᠠᠬᠠᠢ ᠬᠡᠢ ᠶᠢᠨ ᠭᠠᠷᠣᠯᠳᠠ ᠶᠢ 45 ᠳ᠋ᠥᠩᠰᠢᠭᠤᠷ ᠺᠥᠪ ᠮᠧᠲᠷ ᠲᠠᠪᠠᠭᠤᠯᠤᠨ᠂ ᠪᠠᠶᠢᠭᠤᠯᠤᠭᠰᠠᠨ LNG | ᠶᠢᠨ ᠶᠡᠷᠦᠩᠬᠡᠢ ᠬᠡᠪᠴᠢᠶᠡᠵᠢᠯ ᠢ 90 ᠲᠥᠮᠡᠨ ᠲᠤᠨ ᠭᠥᠷᠭᠡᠨ᠎ᠡ᠃ ᠰᠠᠭᠤᠷᠢ ᠲᠦᠬᠦᠭᠡᠷᠦᠮᠵᠢ ᠶᠢᠨ ᠴᠢᠬᠤᠯᠠ ᠶᠡᠭᠡ | ᠲᠦᠷᠦᠯ ᠵᠣᠶᠢᠯ ᠤᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠵᠣ᠂ ᠲᠤᠯᠢ ᠠᠴᠠ ᠱᠠᠩᠬᠠᠢ ᠶᠢᠨ ᠰᠥᠮ᠎ᠡ | ᠭᠥᠷᠭᠦ ᠲᠡᠮᠤᠷ ᠵᠠᠮ ᠤᠨ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠭᠡᠰᠡᠭ ᠢ ᠲᠡᠭᠡᠷ᠎ᠡ ᠬᠠᠭᠠᠰ ᠵᠢᠯ ᠳᠤ | ᠪᠠᠷᠢᠯᠭ᠎ᠠ ᠡᠬᠢᠯᠡᠬᠦᠯᠵᠣ᠂ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠡᠮᠤᠷ ᠵᠠᠮ ᠤᠨ ᠪᠠᠷᠢᠯᠭ᠎ᠠ ᠶᠢ ᠵᠢᠯ ᠤᠨ | ᠲᠣᠳᠣᠷ᠎ᠠ ᠡᠬᠢᠯᠡᠭᠦᠯᠬᠦ ᠪᠠᠷ ᠴᠢᠷᠮᠠᠶᠢᠵᠣ᠂ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠭᠡᠨ ᠵᠠᠮ᠂ ᠱᠠᠩᠬᠠᠢ | ᠶᠢᠨ ᠰᠦᠮ᠎ᠡ ᠠᠴᠠ ᠦᠵᠦᠭᠦᠷ ᠪᠠᠯᠭᠠᠰᠦ ᠬᠦᠷᠬᠦ ᠵᠠᠰᠠᠮᠠᠯ ᠵᠠᠮ ︵ᠪᠣᠯᠠᠭ ᠲᠣᠰᠬᠤᠨ ᠠᠴᠠ ᠰᠢᠨ᠎ᠡ ᠱᠠᠩᠬᠠᠢ ᠶᠢᠨ | ᠰᠦᠮ᠎ᠡ ᠬᠦᠷᠬᠦ ᠬᠡᠰᠡᠭ︶ ᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠠᠰᠢᠭᠯᠠᠯᠳᠠ ᠳᠤ ᠣᠷᠣᠭᠤᠯᠵᠣ᠂ | ᠵᠢᠭᠤᠯᠴᠢᠯᠠᠯ ᠤᠨ ᠲᠤᠰᠬᠠᠢ ᠱᠤᠭᠤᠮ ᠪᠣᠯᠣᠨ ᠨᠢᠭᠡᠳᠦᠭᠡᠷ ᠲᠡᠰ ᠤᠨ ᠵᠠᠰᠠᠮᠠᠯ ᠵᠠᠮ ᠤᠨ ᠲᠦᠷᠦᠯ ᠵᠣᠶᠢᠯ ᠢ | ᠬᠤᠭᠤᠴᠠᠭ᠎ᠠ ᠶᠣᠰᠣᠭᠠᠷ ᠪᠠᠷᠢᠯᠭ᠎ᠠ ᠡᠬᠢᠯᠡᠭᠦᠯᠵᠣ᠂ ᠲᠣᠰ ᠵᠢᠯ ᠳᠤ ᠰᠢᠨ᠎ᠡ ᠪᠠᠷ 155 ᠺᠢᠯᠣᠮᠧᠲᠷ ᠬᠦᠳᠡᠭᠡ ᠶᠢᠨ | ᠵᠠᠮ ᠵᠠᠰᠠᠵᠣ᠂ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠢ | ᠠᠰᠢᠭᠯᠠᠯᠳᠠ ᠳᠤ ᠣᠷᠣᠭᠤᠯᠣᠨ᠎ᠠ᠃ ᠴᠠᠬᠢᠯᠭᠠᠨ ᠲᠣᠣᠷ ᠤᠨ ᠪᠠᠶᠢᠭᠤᠯᠣᠯᠳᠠ ᠦᠭᠡᠷᠡᠴᠢᠯᠡᠯᠳᠡ ᠶᠢᠨ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠣ᠂ 10 ᠺᠢᠯᠤᠸᠤᠯᠲ ᠠᠴᠠ ᠲᠡᠭᠡᠭᠰᠢᠬᠢ ᠴᠠᠬᠢᠯᠭᠠᠨ ᠲᠠᠮᠵᠢᠭᠤᠯᠬᠤ ᠱᠣᠭᠤᠮ ᠢ 346 | ᠺᠢᠯᠦᠮᠧᠲᠷ ᠨᠡᠮᠡᠵᠣ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠡᠷᠡᠭᠯᠡᠭᠡᠨ ᠤ ᠪᠠᠳᠣᠯᠠᠭᠠᠳᠦ ᠴᠢᠨᠠᠷ ᠢ | ᠲᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ ᠣᠷᠣᠨ ᠠᠴᠠ ᠬᠦᠷᠢᠶᠡᠯᠡᠩ ᠲᠣᠭᠤᠷᠢᠭ ᠢ ᠬᠦᠴᠦᠷᠭᠡᠭᠵᠢᠭᠦᠯᠬᠦ | ᠲᠦᠯᠦᠪᠯᠡᠭᠡ ᠬᠡᠷᠡᠭᠵᠢᠭᠦᠯᠵᠣ ᠪᠠᠶᠢᠭ᠎ᠠ ᠲᠣᠬᠢᠶᠠᠯ ᠢ ᠪᠠᠳᠦ ᠡᠵᠡᠮᠳᠡᠵᠣ᠂ ᠬᠦᠷᠢᠶᠡᠯᠠᠩ ᠲᠣᠭᠤᠷᠢᠭ ᠤᠨ ᠰᠠᠭᠤᠷᠢ | ᠲᠦᠬᠦᠭᠡᠷᠦᠮᠵᠢ ᠶᠢᠨ ᠪᠠᠶᠢᠭᠤᠯᠣᠯᠳᠠ ᠶᠢ ᠨᠢᠭᠡᠳᠦᠯᠳᠡᠢ ᠠᠬᠢᠭᠤᠯᠵᠣ᠂ ᠬᠦᠷᠢᠶᠡᠯᠠᠩ ᠲᠣᠭᠤᠷᠢᠭ ᠤᠨ ᠠᠴᠢᠶᠠᠯᠠᠬᠤ | ᠴᠢᠳᠠᠪᠦᠷᠢ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | ᠲᠦᠷᠦᠯ ᠵᠣᠶᠢᠯ ᠣᠷᠣᠭᠤᠯᠣᠨ ᠨᠦᠭᠡᠴᠡᠯᠡᠭᠦ ᠪᠠᠨ ᠴᠢᠩᠭᠠᠳᠬᠠᠨ᠎ᠠ᠃ ᠣᠯᠣᠰ ᠤᠨ ᠠᠵᠣ ᠣᠶᠢᠯᠠᠰ ᠤᠨ | ᠲᠦᠷᠦ ᠶᠢᠨ ᠪᠣᠳᠣᠯᠭ᠎ᠠ ᠶᠢᠨ ᠬᠠᠨᠳᠣᠰᠢ ᠶᠢ ᠡᠵᠡᠮᠳᠡᠵᠣ᠂ ᠣᠳᠣ ᠪᠠᠶᠢᠭ᠎ᠠ ᠠᠷᠠᠯᠵᠢᠶᠠᠴᠢᠨ ᠣᠷᠢᠵᠣ ᠪᠡᠯᠡ ᠲᠠᠳᠠᠬᠤ | ᠪᠣᠳᠣᠯᠭ᠎ᠠ ᠪᠣᠯᠣᠨ ᠲᠣᠭᠳᠠᠴᠠ ᠪᠠᠨ ᠣᠯᠠᠮ ᠲᠡᠭᠦᠯᠳᠡᠷᠵᠢᠭᠦᠯᠦᠨ᠂ ᠠᠷᠠᠯᠵᠢᠶᠠᠴᠢᠨ ᠣᠷᠢᠬᠤ ᠲᠣᠰᠬᠠᠢ ᠡᠩᠨᠡᠭᠡ | ᠪᠠᠶᠢᠭᠤᠯᠵᠣ᠂ ᠮᠠᠯ ᠲᠠᠷᠢᠶᠠᠯᠠᠩ ᠤᠨ ᠪᠥᠳᠥᠭᠡᠭᠳᠡᠭᠦᠨ ᠤ ᠨᠠᠷᠢᠯᠢᠭ ᠡᠳ᠋ᠰᠢᠭᠦᠯᠦᠯᠳᠡ᠂ ᠨᠡᠭᠦᠷᠡᠰᠣᠨ ᠬᠢᠮᠢ᠂ ᠣᠳᠣ | ᠦᠶ᠎ᠡ ᠶᠢᠨ ᠪᠣᠳᠠᠰ ᠤᠨ ᠭᠦᠢᠯᠭᠡᠭᠡ᠂ ᠰᠦᠯᠵᠢᠶᠡᠨ ᠬᠤᠳᠠᠯᠳᠤᠭ᠎ᠠ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ | ᠭᠤᠣᠯᠯᠠᠭᠴᠢ ᠠᠵᠣ ᠣᠶᠢᠯᠠᠰ ᠤᠨ ᠲᠡᠰᠵᠢᠭᠰᠡᠨ᠂ ᠬᠡᠯᠬᠢᠶᠡᠵᠢᠭᠰᠡᠨ᠂ ᠣᠷᠳᠣᠰᠬᠠᠨ ᠨᠦᠬᠦᠪᠦᠷᠢᠯᠡᠬᠦ ᠲᠦᠷᠦᠯ ᠵᠣᠶᠢᠯ | ᠪᠣᠯᠣᠨ ᠲᠠᠭᠠᠯᠳᠠ ᠦᠷᠳᠡᠭ ᠦᠨᠳᠦᠷ ᠲᠦᠷᠦᠯ ᠵᠣᠶᠢᠯ ᠢ ᠰᠣᠩᠭᠤᠨ ᠣᠷᠣᠭᠤᠯᠵᠣ᠂ ᠲᠦᠷᠦᠯ ᠵᠣᠶᠢᠯ ᠤᠨ | ᠲᠣᠯᠭᠠᠭᠤᠷᠢᠯᠠᠬᠤ ᠬᠦᠴᠦᠨ ᠢ ᠨᠡᠮᠡᠭᠳᠡᠭᠦᠯᠦᠨ᠎ᠡ᠃ ᠬᠤᠳᠠ ᠶᠢᠨ ᠲᠡᠰ ᠤᠨ ᠠᠵᠣ ᠣᠶᠢᠯᠠᠰ ᠤᠨ ᠰᠠᠭᠤᠷᠢ ᠮᠦᠩᠭᠦ ᠶᠢ | ᠢᠳᠡᠪᠬᠢᠳᠡᠢ ᠣᠯᠵᠣ᠂ ᠲᠦᠷᠦᠯ ᠵᠣᠶᠢᠯ ᠤᠨ ᠠᠪᠴᠠᠯᠳᠣᠯ ᠢ ᠲᠡᠭᠡᠭᠰᠢᠯᠡᠭᠦᠯᠦᠨ᠂ ᠨᠢᠭᠡ ᠪᠦᠯᠦᠭ ᠣᠳᠣ ᠦᠶ᠎ᠡ ᠶᠢᠨ | ᠣᠶᠢᠯᠡᠴᠢᠯᠡᠭᠡᠨ ᠤ ᠣᠶᠢᠯᠠᠰ᠂ ᠲᠡᠭᠡᠳᠦ ᠰᠢᠨ᠎ᠡ ᠮᠡᠷᠭᠡᠵᠢᠯ ᠤᠨ ᠠᠵᠣ ᠣᠶᠢᠯᠠᠰ ᠤᠨ ᠲᠦᠷᠦᠯ ᠵᠣᠶᠢᠯ ᠢ ᠢᠳᠡᠪᠬᠢᠳᠡᠢ | ᠣᠷᠣᠭᠤᠯᠵᠣ᠂ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠳᠠᠢ ᠰᠢᠨ᠎ᠡ ᠠᠵᠣ ᠣᠶᠢᠯᠠᠰ ᠤᠨ ᠲᠠᠯ᠎ᠠ ᠪᠠᠷ | ᠰᠢᠨ᠎ᠡ ᠰᠢᠪᠳᠣᠯᠣᠯᠳᠠ ᠭᠠᠷᠭᠠᠬᠤ ᠪᠠᠷ ᠴᠢᠷᠮᠡᠶᠢᠨ᠎ᠡ᠃ | ︵ᠭᠤᠷᠪᠠ︶ ︽ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ ᠮᠠᠯᠵᠢᠬᠤ ᠲᠠᠷᠢᠶᠠᠯᠠᠬᠤ ᠣᠷᠣᠨ᠂ | ᠪᠣᠯᠪᠠᠰᠣᠷᠠᠯ ᠰᠠᠶᠢᠲᠠᠢ ᠮᠠᠯᠴᠢᠨ ᠲᠠᠷᠢᠶᠠᠴᠢᠨ︾ ᠤ ᠢᠨᠵᠧᠨᠧᠷᠢᠩ ᠢ ᠭᠦᠨᠵᠡᠭᠡᠢ ᠦᠷᠭᠡᠳᠬᠡᠵᠣ᠂ ᠬᠦᠳᠡᠭᠡ ᠨᠣᠳᠤᠭ ᠢ | ᠪᠦᠬᠦ ᠲᠠᠯ᠎ᠠ ᠪᠠᠷ ᠬᠦᠴᠦᠷᠭᠡᠭᠵᠢᠭᠦᠯᠦᠨ᠎ᠡ᠃ ᠬᠦᠳᠡᠭᠡ ᠨᠣᠳᠤᠭ ᠢ ᠬᠦᠴᠦᠷᠭᠡᠭᠵᠢᠭᠦᠯᠬᠦ ᠪᠠᠶᠢᠯᠳᠣᠬᠤ ᠪᠣᠳᠣᠯᠭ᠎ᠠ ᠶᠢᠨ | ᠬᠡᠷᠡᠭᠵᠢᠭᠦᠯᠬᠦ ᠰᠠᠨᠠᠯ ᠢ ᠰᠢᠨᠵᠢᠯᠡᠬᠦ ᠤᠬᠠᠭᠠᠨᠴᠢ ᠪᠠᠷ ᠲᠣᠭᠳᠠᠭᠠᠵᠣ᠂ ᠬᠤᠳᠠ ᠬᠦᠳᠡᠭᠡ ᠶᠢᠨ ᠠᠭᠤᠰᠣᠯᠴᠠᠯ | ᠬᠦᠭᠵᠢᠯᠳᠡ ᠶᠢᠨ ᠲᠣᠭᠳᠠᠴᠠ ᠶᠢ ᠲᠡᠭᠦᠯᠳᠡᠷᠵᠢᠭᠦᠯᠦᠨ᠂ ᠬᠦᠳᠡᠭᠡ ᠨᠣᠳᠤᠭ ᠤᠨ ᠬᠦᠴᠦᠷᠭᠡᠭᠵᠢᠯ ᠬᠢᠭᠡᠳ ᠬᠡᠪ | ᠴᠢᠨᠰᠠᠭᠠᠳᠦ ᠬᠤᠳᠠ ᠪᠠᠯᠭᠠᠰᠦ ᠬᠠᠷᠢᠯᠴᠠᠨ ᠠᠬᠢᠭᠤᠯᠣᠭᠰᠠᠨ ᠪᠠᠶᠢᠳᠠᠯ ᠢ ᠪᠣᠢ ᠪᠣᠯᠭᠠᠨ᠎ᠠ᠃ | ᠣᠳᠣ ᠦᠶ᠎ᠡ ᠶᠢᠨ ᠮᠠᠯ ᠲᠠᠷᠢᠶᠠᠯᠠᠩ ᠢ ᠰᠢᠯᠢᠳᠡᠭᠵᠢᠭᠦᠯᠦᠨ᠎ᠡ᠃ ᠴᠢᠨᠠᠷᠯᠢᠭ᠂ ᠪᠣᠬᠢᠷᠳᠣᠯ ᠦᠭᠡᠢ ᠮᠠᠯ | ᠲᠠᠷᠢᠶᠠᠯᠠᠩ ᠢ ᠬᠦᠭᠵᠢᠭᠦᠯᠦᠨ ᠦᠷ᠎ᠡ ᠠᠰᠢᠭ ᠢ ᠲᠡᠷᠢᠭᠦᠨ ᠳᠤ ᠲᠠᠯᠪᠢᠵᠣ᠂ ᠮᠠᠯ ᠲᠠᠷᠢᠶᠠᠯᠠᠩ ᠤᠨ ᠣᠳᠣᠬᠢᠴᠢᠯᠠᠭᠰᠠᠨ | ᠠᠵᠣ ᠣᠶᠢᠯᠠᠰ ᠤᠨ ᠰᠢᠰᠲ᠋ᠧᠮ ᠢ ᠪᠦᠷᠢᠯᠳᠦᠭᠦᠯᠦᠨ᠎ᠡ᠃ ︽ᠣᠨᠴᠠᠯᠢᠭ︾ ᠢ ᠲᠣᠪᠣᠶᠢᠯᠭᠠᠨ ᠪᠦᠳᠦᠭᠡᠭᠳᠡᠭᠦᠨ ᠤ | ᠪᠦᠳᠦᠴᠠ ᠶᠢ ᠰᠢᠯᠢᠳᠡᠭᠵᠢᠭᠦᠯᠵᠣ᠂ ᠪᠦᠳᠦᠴᠠ ᠶᠢᠨ ᠲᠣᠭᠢᠷᠠᠭᠤᠯᠣᠯᠳᠠ ᠶᠢᠨ ᠭᠤᠷᠪᠠᠨ ᠵᠢᠯ ᠤᠨ ᠰᠢᠪᠳᠣᠯᠣᠯᠳᠠ ᠶᠢᠨ | ᠠᠵᠢᠯᠯᠠᠭ᠎ᠠ ᠦᠷᠨᠢᠭᠦᠯᠵᠣ᠂ ︽ᠮᠠᠯ ᠲᠠᠷᠢᠶᠠᠯᠠᠩ ᠤᠨ ᠴᠢᠨᠠᠷ ᠰᠠᠶᠢᠳᠠᠢ ᠪᠦᠳᠦᠭᠡᠭᠳᠡᠭᠦᠨ ᠤ ᠣᠶᠢᠯᠠᠳᠪᠦᠷᠢᠯᠠᠯ ᠤᠨ | ᠰᠠᠭᠤᠷᠢᠨ ᠭᠠᠵᠠᠷ︾ ᠤᠨ ᠪᠠᠶᠢᠭᠤᠯᠣᠯᠳᠠ ᠶᠢᠨ ᠲᠦᠯᠦᠪᠵᠢᠭᠦᠯᠭᠡ ᠲᠣᠭᠳᠠᠭᠠᠨ᠂ ᠰᠦᠯᠢᠶᠣᠣ ᠬᠦᠯᠡᠮᠵᠢ ᠪᠠᠷ ᠠᠷᠠᠳ | ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠣ᠂ ᠪᠦᠷᠢᠨ ᠰᠢᠮᠡᠳᠦ ᠢᠳᠡᠰᠢᠨ ᠨᠣᠭᠤᠭ᠎ᠠ ᠲᠠᠷᠢᠬᠤ᠂ | ᠦᠨᠳᠦᠷ ᠣᠨᠠᠯᠳᠠᠳᠦ ᠪᠦᠢᠵᠢᠭᠤᠯᠣᠯᠳᠠ᠂ ᠮᠠᠯ ᠤᠨ ᠡᠭᠦᠯᠳᠡᠷ ᠰᠠᠶᠢᠵᠢᠷᠠᠭᠤᠯᠣᠯᠳᠠ ᠵᠡᠷᠭᠡ ᠲᠡᠷᠢᠬᠦᠨ ᠤ ᠮᠡᠷᠭᠡᠵᠢᠯ | ᠲᠦᠭᠡᠮᠡᠯᠵᠢᠭᠦᠯᠵᠣ᠂ ᠲᠣᠰ ᠵᠢᠯ ᠳᠤ 1.5 ᠲᠥᠮᠡᠨ ᠮᠣ᠋ ᠣᠨᠴᠠᠯᠢᠭᠳᠦ ᠠᠵᠣ ᠠᠬᠤᠢ ᠶᠢᠨ ᠲᠠᠷᠢᠮᠠᠯ᠂ 2 ᠲᠦᠮᠡᠨ | ᠮᠣ᠋ ᠴᠢᠨᠠᠷ ᠰᠠᠶᠢᠳᠠᠢ ᠲᠡᠵᠢᠭᠡᠯ ᠪᠣᠷᠳᠤᠭ᠎ᠠ ᠲᠠᠷᠢᠵᠣ᠂ ᠠᠯᠠᠰᠢᠨ ᠦᠭᠡᠷ ᠤᠨ ᠠᠷᠠᠴᠢᠯᠠᠭ᠎ᠠ ᠶᠢᠨ ᠬᠡᠪᠴᠢᠶᠡᠵᠢᠯ ᠢ 13 | ᠲᠦᠮᠡᠨ ᠲᠣᠯᠣᠭᠠᠢ ᠳᠤ ᠬᠦᠷᠭᠡᠨ᠂ ᠮᠠᠯ ᠲᠠᠷᠢᠶᠠᠯᠠᠩ ᠤᠨ ᠴᠢᠨᠠᠷ ᠰᠠᠶᠢᠳᠠᠢ ᠪᠦᠳᠦᠭᠡᠭᠳᠡᠭᠦᠨ ᠤ ᠬᠠᠩᠭᠠᠯᠠᠭ᠎ᠠ ᠶᠢ | ᠨᠡᠮᠡᠭᠳᠡᠭᠦᠯᠦᠨ᠎ᠡ᠃ ︽ᠪᠣᠬᠢᠷᠳᠣᠯ ᠦᠭᠡᠢ︾ ᠶᠢ ᠲᠣᠪᠣᠶᠢᠯᠭᠠᠨ᠂ ᠣᠶᠢᠯᠠᠳᠪᠦᠷᠢᠯᠠᠯ ᠤᠨ ᠬᠡᠯᠪᠡᠷᠢ ᠶᠢ ᠲᠣᠬᠢᠷᠠᠭᠤᠯᠵᠣ | ᠂ ᠲᠣᠰ ᠵᠢᠯ ᠳᠤ ︽ᠭᠤᠷᠪᠠᠨ ᠪᠦᠳᠦᠭᠡᠭᠳᠡᠭᠦᠨ ᠨᠢᠭᠡ ᠢᠯᠡᠳᠬᠡᠯ ᠲᠠᠩᠰᠠᠯᠠᠯᠳᠠ︾ ᠶᠢᠨ ᠮᠠᠯ ᠲᠠᠷᠢᠶᠠᠯᠠᠩ ᠤᠨ | ᠪᠦᠳᠦᠭᠡᠭᠳᠡᠭᠦᠨ ᠢ ᠰᠢᠨ᠎ᠡ ᠪᠠᠷ 8 ᠭᠡᠷᠡᠴᠢᠯᠡᠭᠦᠯᠵᠣ᠂ ︽ᠣᠳᠤᠭ ᠤᠨ ᠡᠮᠦᠨᠡᠳᠦ ᠬᠤᠰᠢᠭᠤᠨ ᠤ ᠮᠠᠯ ᠤᠨ ᠮᠢᠬ᠎ᠠ︾ | ᠵᠡᠷᠭᠡ ᠲᠡᠮᠳᠡᠭ ᠢᠯᠡᠷᠬᠡᠶᠢᠯᠡᠯ ᠢ ᠬᠠᠮᠳᠦ ᠪᠠᠷ ᠡᠳ᠋ᠯᠡᠬᠦ ᠶᠢ ᠵᠣᠷᠢᠭᠵᠢᠭᠤᠯᠣᠨ᠂ ᠪᠦᠯᠬᠦᠮ ᠪᠠᠶᠢᠭᠤᠯᠣᠨ ᠰᠤᠳᠤᠨ | ᠣᠶᠢᠯᠠᠳᠬᠦᠨ ᠢᠶᠠᠷ ᠵᠠᠬ᠎ᠠ ᠲᠡᠯᠭᠡᠭᠦᠷ ᠨᠡᠭᠡᠭᠡᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠭᠡᠳᠡᠷᠬᠦ ᠨᠡᠭᠡᠮᠵᠢᠯᠡᠬᠦ | ᠰᠢᠰᠲ᠋ᠧᠮ ᠪᠣᠯᠣᠨ ᠴᠢᠨᠠᠷ ᠤᠨ ᠠᠶᠣᠯᠬᠦᠢ ᠪᠠᠷᠢᠮᠵᠢᠶᠠᠨ ᠤ ᠰᠢᠰᠲ᠋ᠧᠮ ᠢ ᠲᠦᠬᠦᠷᠵᠢᠬᠦᠯᠦᠨ ᠲᠡᠭᠦᠯᠳᠡᠷᠵᠢᠭᠦᠯᠵᠣ᠂ 3 | ᠲᠦᠮᠡᠨ ᠲᠣᠯᠣᠭᠠᠢ ᠠᠯᠠᠰᠢᠨ ᠪᠤᠭ ᠮᠠᠯ᠂ 2000 ᠲᠣᠯᠣᠭᠠᠢ ᠠᠯᠠᠰᠢᠨ ᠦᠭᠡᠷ ᠤᠨ ᠭᠡᠳᠡᠷᠬᠦ ᠨᠡᠬᠡᠮᠵᠢᠯᠡᠯ ᠢ | ᠪᠡᠶᠡᠯᠡᠭᠦᠯᠵᠣ᠂ ᠪᠦᠬᠦ ᠬᠤᠰᠢᠭᠤ ᠶᠢ ᠬᠠᠮᠣᠷᠠᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠦᠷᠭᠡᠨ | ᠪᠠᠶᠢᠴᠠᠭᠠᠯᠳᠠ ᠶᠢᠨ ᠰᠢᠰᠲ᠋ᠧᠮ ᠢ ᠪᠠᠶᠢᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠶᠣᠯᠭᠦᠢ | ᠲᠠᠭᠤᠷᠢᠶᠠᠯ ᠬᠤᠰᠢᠭᠤ ᠶᠢ ᠴᠣᠭᠴᠠᠯᠠᠨ᠎ᠠ᠃ ︽ᠨᠠᠷᠢᠯᠢᠭ︾ ᠢ ᠲᠣᠪᠣᠶᠢᠯᠠᠭᠠᠨ ᠠᠵᠣ ᠣᠶᠢᠯᠠᠰ ᠤᠨ ᠰᠢᠰᠲ᠋ᠧᠮ ᠢ | ᠬᠦᠴᠦᠷᠭᠡᠭᠵᠢᠭᠦᠯᠵᠣ᠂᠂ ︽ᠪᠦᠬᠦ ᠭᠤᠭᠴᠤᠭ᠎ᠠ ᠪᠠᠷ ᠲᠡᠰᠵᠢᠭᠦᠯᠬᠦ᠂ ᠪᠦᠬᠦ ᠬᠡᠯᠬᠢᠶ᠎ᠡ ᠪᠠᠷ ᠦᠷᠳᠡᠭ ᠨᠡᠮᠡᠭᠳᠡᠭᠦᠯᠬᠦ︾ | ᠦᠵᠡᠯᠳᠡ ᠪᠠᠷ ᠣᠳᠣ ᠪᠠᠶᠢᠭ᠎ᠠ ᠲᠣᠯᠣᠭᠠᠶᠢᠯᠠᠴᠢ ᠠᠵᠣ ᠠᠬᠤᠶᠢᠯᠠᠯ ᠤᠨ ᠶᠡᠷᠦᠩᠬᠡᠶᠢᠯᠡᠭᠰᠡᠨ ᠪᠣᠳᠠᠳᠦ ᠬᠦᠴᠦᠨ ᠢ | ᠲᠡᠭᠡᠭᠰᠢᠯᠡᠭᠦᠯᠦᠭᠰᠡᠨ ᠰᠠᠭᠤᠷᠢᠨ ᠲᠡᠭᠡᠷ᠎ᠡ ᠠᠵᠣ ᠣᠶᠢᠯᠠᠰ ᠤᠨ ᠲᠣᠯᠣᠭᠠᠶᠢᠯᠠᠴᠢ ᠠᠵᠣ ᠠᠬᠤᠶᠢᠯᠠᠯ 4᠂ ᠠᠮᠢ | ᠠᠬᠤᠶᠢᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 60 ᠨᠡᠮᠡᠨ ᠪᠣᠶᠢᠵᠢᠭᠤᠯᠵᠣ᠂ 15 ᠮᠡᠯ ᠲᠠᠷᠢᠶᠠᠯᠠᠩ ᠤᠨ | ᠬᠠᠮᠳᠣᠷᠠᠯ ᠬᠤᠷᠰᠢᠶ᠎ᠠ ᠶᠢ ᠭᠤᠣᠯᠳᠠᠯᠭ᠎ᠠ ᠲᠠᠢ ᠲᠡᠮᠵᠢᠵᠣ᠂ ᠮᠠᠯᠴᠢᠨ ᠲᠠᠷᠢᠶᠠᠴᠢᠨ ᠪᠣᠯᠣᠨ ᠠᠵᠣ ᠠᠬᠤᠶᠢᠯᠠᠯ ᠤᠨ | ᠠᠰᠢᠭ ᠲᠣᠰᠠ ᠶᠢᠨ ᠬᠤᠯᠪᠣᠭᠠᠯᠠᠯ ᠤᠨ ᠲᠣᠭᠳᠠᠴᠠ ᠶᠢᠨ ᠪᠦᠷᠬᠦᠴᠠ ᠪᠣᠯᠣᠨ ᠪᠦᠳᠦᠮᠵᠢ ᠶᠢ ᠲᠡᠭᠡᠭᠰᠢᠯᠡᠭᠦᠯᠦᠨ᠂ | ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠲᠦᠷᠭᠡᠨ ᠲᠠᠮᠵᠢᠯᠳᠡ ᠶᠢᠨ ᠬᠡᠯᠬᠢᠶ᠎ᠡ ᠪᠠᠶᠢᠭᠤᠯᠣᠨ᠂ ᠮᠡᠷᠭᠡᠵᠢᠯ ᠤᠨ | ᠰᠢᠨᠡᠴᠢᠯᠡᠯ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠣᠨ᠎ᠠ᠃ ᠲᠣᠮᠳᠠᠳᠦ ᠣᠯᠣᠰ ᠤᠨ | ᠸᠠᠩ ᠺᠦ᠋᠂ ᠯᠧ ᠼᠥᠨ ᠲᠤᠤ ᠵᠡᠷᠭᠡ ᠨᠡᠷᠡᠳᠦ ᠰᠦᠯᠵᠢᠶᠡᠨ ᠬᠤᠳᠠᠯᠳᠣᠭᠠᠨ ᠤ ᠲᠠᠪᠴᠠᠩ ᠤᠨ ᠣᠶᠢᠯᠠᠳᠣᠯ ᠢ | ᠪᠠᠳᠠᠷᠠᠭᠤᠯᠵᠣ᠂ ᠣᠷᠣᠨ ᠠᠯᠣᠰᠯᠠᠭᠰᠠᠨ ᠮᠠᠯ ᠲᠠᠷᠢᠶᠠᠨ ᠪᠦᠳᠦᠭᠡᠭᠳᠡᠭᠦᠨ ᠤ ᠭᠥᠷᠥᠭᠡᠨ ᠲᠠᠮᠵᠢᠭᠤᠯᠬᠤ ᠰᠢᠰᠲ᠋ᠧᠮ | ᠪᠣᠯᠣᠨ ᠡᠵᠡᠩᠨᠡᠨ ᠪᠣᠷᠣᠯᠠᠭᠤᠯᠬᠤ ᠰᠢᠰᠲ᠋ᠧᠮ ᠢ ᠪᠦᠷᠢᠯᠳᠦᠭᠦᠯᠵᠣ᠂ ᠮᠠᠯᠴᠢᠨ ᠲᠠᠷᠢᠶᠠᠴᠢᠨ ᠡᠷᠦᠬᠡ ᠶᠢᠨ ᠵᠢᠵᠢᠭ | ᠣᠶᠢᠯᠡᠳᠪᠦᠷᠢᠯᠠᠯ ᠬᠢᠭᠡᠳ ᠲᠣᠮᠣ ᠵᠬᠠ ᠲᠡᠯᠭᠡᠭᠦᠷ ᠢ ᠪᠦᠳᠦᠮᠵᠢᠳᠠᠢ ᠠᠪᠴᠠᠯᠳᠣᠭᠤᠯᠣᠨ᠎ᠠ᠃ | ᠠᠮᠢ ᠠᠬᠤᠶᠢᠴᠢ ᠣᠷᠣᠰᠢᠨ ᠰᠠᠭᠤᠬᠤ ᠳᠤ ᠲᠣᠬᠢᠯᠢᠭ ᠭᠡᠷ ᠨᠤᠳᠤᠭ ᠢᠶᠠᠨ ᠴᠤᠭᠴᠠᠯᠠᠨ᠎ᠠ᠃ ᠬᠡᠪ ᠴᠢᠨᠰᠠᠭᠠᠳᠦ | ᠬᠤᠳᠠ ᠪᠠᠯᠭᠠᠰᠣᠨ ᠤ ᠪᠠᠶᠢᠭᠤᠯᠣᠯᠳᠠ ᠶᠢ ᠠᠬᠢᠭᠤᠯᠵᠣ᠂ ᠲᠦᠬᠦᠷ ᠲᠦᠬᠦᠭᠡᠷᠦᠮᠵᠢ ᠶᠢᠨ ᠲᠡᠭᠦᠯᠳᠡᠷᠵᠢᠭᠦᠯᠦᠯᠳᠡ ᠪᠠᠷ | ᠭᠤᠣᠯᠳᠠᠯᠭ᠎ᠠ ᠪᠣᠯᠭᠠᠨ᠂ ᠵᠠᠮ ᠵᠠᠭᠡᠯᠢ᠂ ᠲᠣᠣᠷ ᠬᠤᠭᠤᠯᠠᠢ᠂ ᠪᠣᠬᠢᠷ ᠣᠰᠣ ᠰᠢᠢᠳᠪᠦᠷᠢᠯᠡᠬᠦ᠂ ᠵᠡᠭᠡᠯᠢ ᠲᠠᠭᠠᠤ ᠭᠡᠷ | ᠪᠠᠶᠢᠰᠢᠩ ᠢ ᠦᠭᠡᠷᠡᠴᠢᠯᠡᠬᠦ ᠵᠡᠷᠭᠡ ᠬᠤᠳᠠ ᠶᠢᠨ ᠶᠠᠪᠣᠳᠠᠯ ᠤᠨ ᠭᠤᠣᠯᠳᠠᠯᠭᠠᠳᠦ ᠪᠠᠶᠢᠭᠤᠯᠣᠯᠳᠠ ᠶᠢ ᠬᠡᠷᠡᠭᠵᠢᠭᠦᠯᠵᠣ᠂ | ᠣᠯᠵᠠᠴᠢ᠂ ᠪᠣᠷᠣᠪᠠᠯᠭᠠᠰᠦ ᠶᠢᠨ ᠬᠠᠭᠤᠴᠢᠨ ᠣᠷᠣᠨ ᠰᠠᠭᠤᠴᠠ ᠶᠢᠨ ᠦᠭᠡᠷᠡᠴᠢᠯᠡᠯᠳᠡ ᠶᠢ ᠰᠠᠶᠢᠳᠦᠷ ᠠᠳᠬᠤᠵᠣ᠂ | ᠬᠤᠳᠠ ᠪᠠᠯᠭᠠᠰᠣᠨ ᠤ ᠲᠦᠷᠢ ᠲᠦᠷᠬᠦ ᠬᠡᠪ ᠴᠢᠨᠰᠠᠭ᠎ᠠ ᠶᠢ ᠲᠡᠭᠡᠭᠰᠢᠯᠡᠭᠦᠯᠦᠨ᠎ᠡ︔ ᠣᠶᠣᠨᠴᠢ ᠡᠮᠦᠨᠡᠳᠦ ᠣᠳᠤᠭ ᠤᠨ | ᠪᠠᠶᠢᠭᠤᠯᠣᠯᠳᠠ ᠪᠠᠷ ᠠᠴᠢᠶᠠᠯᠠᠭᠴᠢ ᠪᠣᠯᠭᠠᠨ᠂ ᠲᠣᠭᠠᠴᠠᠯᠭᠰᠠᠨ ᠬᠤᠳᠠ ᠶᠢᠨ ᠬᠠᠮᠢᠶᠠᠷᠣᠯᠳᠠ ᠶᠢᠨ ᠰᠢᠰᠲ᠋ᠧᠮ ᠤᠨ | ᠪᠠᠶᠢᠭᠤᠯᠣᠯᠳᠠ ᠶᠢ ᠲᠦᠷᠭᠡᠳᠬᠡᠨ᠂ ᠣᠷᠴᠢᠨ ᠲᠣᠭᠤᠷᠢᠨ ᠤ ᠵᠠᠰᠠᠯᠳᠠ ᠪᠣᠯᠣᠨ ᠬᠤᠳᠠ ᠶᠢᠨ ᠶᠠᠪᠣᠳᠠᠯ ᠤᠨ | ᠬᠠᠮᠠᠭᠠᠯᠠᠯᠳᠠ ᠶᠢᠨ ᠲᠠᠭᠠᠭᠠᠮᠠᠭᠠᠢ ᠲᠣᠭᠳᠠᠴᠠ ᠶᠢ ᠲᠡᠭᠦᠯᠳᠡᠷᠵᠢᠭᠦᠯᠦᠨ᠂ ᠠᠳᠠᠯ ᠠᠬᠤᠢ ᠶᠢᠨ ᠪᠠᠷᠢᠮᠵᠢᠶᠠᠳᠦ | ᠬᠠᠮᠢᠶᠠᠷᠣᠯᠳᠠ ᠶᠢᠨ ᠵᠠᠭᠪᠣᠷ ᠢ ᠬᠡᠷᠡᠭᠵᠢᠭᠦᠯᠵᠣ᠂ ᠠᠳᠠᠯ ᠠᠬᠤᠢ ᠶᠢᠨ ᠬᠠᠮᠢᠶᠠᠷᠣᠯᠳᠠ ᠶᠢ ᠰᠢᠯᠭᠠᠷᠠᠭᠤᠯᠣᠨ ᠲᠡᠰ | ᠦᠨᠡᠯᠡᠬᠦ ᠲᠦᠷᠢᠮ ᠲᠣᠭᠳᠠᠭᠠᠨ᠂ ᠬᠤᠳᠠ ᠪᠠᠯᠭᠠᠰᠣᠨ ᠤ ᠨᠠᠷᠢᠯᠢᠭ ᠬᠠᠮᠢᠶᠠᠷᠣᠯᠳᠠ ᠶᠢᠨ ᠲᠦᠪᠰᠢᠨ ᠢ | ᠲᠡᠭᠡᠭᠰᠢᠯᠡᠭᠦᠯᠦᠨ᠎ᠡ᠃ ᠦᠵᠡᠰᠭᠦᠯᠡᠩᠳᠦ ᠬᠦᠳᠡᠭᠡ ᠨᠣᠳᠤᠭ ᠤᠨ ᠪᠠᠶᠢᠭᠤᠯᠣᠯᠳᠠ ᠶᠢ ᠲᠡᠰ ᠲᠠᠪᠰᠢᠭᠤᠯᠵᠣ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠤ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ | ᠶᠠᠪᠣᠭᠳᠠᠭᠤᠯᠵᠣ᠂ ᠬᠤᠭ ᠨᠣᠪᠰᠢ᠂ ᠪᠣᠬᠢᠷ ᠣᠰᠣ᠂ ᠵᠤᠷᠯᠤᠩ ᠤᠨ ᠲᠣᠰᠬᠠᠢ ᠴᠡᠭᠴᠡᠯᠡᠯᠳᠡ ᠶᠢ ᠰᠠᠶᠢᠳᠦᠷ ᠠᠳᠬᠤᠨ | ᠂ ᠣᠰᠣ ᠴᠠᠬᠢᠯᠭᠠᠨ ᠤ ᠬᠠᠩᠭᠠᠯᠭ᠎ᠠ᠂ ᠮᠡᠳᠡᠭᠡ ᠵᠠᠩᠬᠢ ᠵᠡᠷᠭᠡ ᠰᠠᠭᠤᠷᠢ ᠲᠦᠬᠦᠷᠴᠢᠯᠡᠯᠳᠡ ᠶᠢ ᠤᠯᠠᠮ | ᠰᠠᠶᠢᠵᠢᠷᠠᠭᠤᠯᠣᠨ᠎ᠠ︔ ᠬᠦᠮᠦᠵᠢᠯ ᠪᠣᠯᠪᠠᠰᠣᠷᠠᠯ᠂ ᠦᠨᠡᠯᠡᠨ ᠪᠠᠳᠣᠯᠠᠬᠤ ᠬᠠᠮᠢᠶᠠᠷᠣᠯᠳᠠ ᠪᠣᠯᠣᠨ ᠲᠦᠷᠦ ᠶᠢᠨ | ᠪᠣᠳᠣᠯᠭ᠎ᠠ ᠶᠢᠨ ᠲᠡᠮᠵᠢᠯᠡᠭᠡ ᠶᠢᠨ ︽ᠭᠤᠷᠪᠠ ᠶᠢ ᠴᠣᠭᠴᠠᠵᠢᠭᠤᠯᠣᠭᠰᠠᠨ︾ ᠪᠣᠯᠪᠠᠰᠣᠷᠠᠯ ᠤᠨ ᠰᠢᠰᠲ᠋ᠧᠮ | ᠪᠠᠶᠢᠭᠤᠯᠣᠨ᠂ ᠮᠡᠷᠭᠡᠵᠢᠯ ᠪᠣᠯᠪᠠᠰᠣᠷᠠᠯ ᠰᠠᠶᠢᠳᠠᠢ᠂ ᠣᠶᠢᠯᠠᠳᠪᠦᠷᠢᠯᠠᠯ ᠡᠵᠡᠩᠨᠡᠯᠳᠡ ᠳᠤ ᠴᠢᠳᠠᠮᠠᠭᠠᠢ ᠠᠵᠢᠯ ᠮᠡᠷᠭᠡᠵᠢᠯ | ᠤᠨ ᠮᠠᠯᠴᠢᠨ ᠲᠠᠷᠢᠶᠠᠴᠢᠨ ᠢ ᠬᠦᠮᠦᠵᠢᠭᠦᠯᠦᠨ᠎ᠡ︔ ᠦᠪᠡᠷᠳᠡᠭᠡᠨ ᠵᠠᠰᠠᠬᠤ᠂ ᠬᠠᠣᠯᠢ ᠪᠠᠷ ᠵᠠᠰᠠᠬᠤ᠂ ᠶᠤᠰᠤ ᠪᠠᠷ | ᠵᠠᠰᠠᠬᠤ᠂ ᠬᠠᠮᠳᠦ ᠪᠠᠷ ᠵᠠᠰᠠᠬᠤ ᠶᠢ ᠣᠶᠠᠯᠳᠣᠭᠤᠯᠣᠭᠰᠠᠨ ᠬᠦᠳᠡᠭᠡ ᠲᠣᠰᠬᠤᠨ ᠤ ᠵᠠᠰᠠᠯᠳᠠ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠪᠠᠶᠢᠷᠢᠰᠢᠭᠤᠯᠣᠯᠳᠠ ᠲᠣᠬᠢᠯᠢᠭ᠂ ᠣᠷᠴᠢᠨ ᠲᠣᠬᠢᠯᠢᠭ᠂ ᠰᠣᠷᠳᠠᠯ ᠲᠣᠬᠢᠯᠢᠭ᠂ ᠠᠮᠢᠳᠣᠷᠠᠯ | ᠲᠣᠬᠢᠯᠢᠭ ︽ᠲᠦᠷᠪᠡᠨ ᠲᠣᠬᠢᠯᠢᠭ︾ ᠬᠦᠳᠡᠭᠡ ᠨᠣᠳᠤᠭ ᠢ ᠴᠣᠭᠴᠠᠯᠠᠨ᠎ᠠ᠃ | ︵ᠲᠦᠷᠪᠡ︶ ᠬᠦᠭᠵᠢᠯᠳᠡ ᠶᠢᠨ ᠬᠦᠳᠡᠯᠭᠡᠭᠴᠢ ᠬᠦᠴᠦᠨ ᠢ ᠡᠷᠴᠢᠮ ᠲᠠᠢ ᠬᠤᠪᠢᠷᠠᠭᠤᠯᠵᠣ᠂ ᠣᠶᠢᠯᠡᠴᠢᠯᠡᠭᠡᠨ | ᠤ ᠣᠶᠢᠯᠠᠰ ᠢ ᠲᠡᠰ ᠲᠠᠪᠰᠢᠭᠤᠯᠣᠨᠠ᠃ ᠬᠡᠷᠡᠭᠯᠡᠭᠡᠨ ᠤ ᠰᠢᠨ᠎ᠠ ᠬᠤᠪᠢᠷᠠᠯᠳᠠ ᠶᠢ ᠦᠨᠳᠦᠰᠦᠯᠡᠨ᠂ ᠣᠶᠢᠯᠠᠰ ᠠᠬᠤᠢ | ᠶᠢᠨ ᠰᠣᠳᠣᠨ ᠲᠡᠮᠳᠡᠭ ᠢᠶᠠᠷ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠢ ᠲᠣᠰᠬᠠᠶᠢᠵᠢᠯ᠂ ᠨᠠᠷᠢᠯᠢᠭᠵᠢᠯ᠂ | ᠴᠢᠨᠠᠷᠵᠢᠯ ᠲᠡᠰᠢ ᠬᠤᠪᠢᠷᠠᠭᠤᠯᠣᠨ᠎ᠠ᠃ | ︽ᠦᠵᠡᠮᠵᠢ ᠶᠢᠨ ᠣᠷᠣᠨ ᠱᠣᠭᠤᠮ ᠪᠦᠰᠡ︾ ᠶᠢ ᠣᠶᠠᠯᠳᠣᠭᠤᠯᠣᠨ᠂ ᠪᠥᠭᠦ ᠴᠠᠷᠠᠭᠠᠨ ᠤ ᠵᠢᠭᠤᠯᠴᠢᠯᠠᠯ ᠢ | ᠠᠮᠢᠳᠣᠯᠢᠭᠵᠢᠭᠤᠯᠣᠨ᠎ᠠ᠃ ᠦᠵᠡᠮᠵᠢ ᠶᠢᠨ ᠣᠷᠣᠨ ᠢ ᠲᠡᠰ ᠲᠠᠪᠰᠢᠭᠤᠯᠣᠨ᠂ ᠨᠢᠩᠰᠢᠶᠠ ᠶᠢᠨ ᠵᠢᠭᠤᠯᠴᠢᠯᠠᠯ ᠤᠨ | ᠲᠤᠭᠤᠷᠢᠭ ᠪᠤᠯᠤᠨ ᠲᠤᠷᠭᠠᠨ ᠵᠠᠮ ᠤᠨ ᠵᠢᠭᠤᠯᠴᠢᠯᠠᠯ ᠤᠨ ᠬᠤᠳᠠ ᠪᠠᠯᠭᠠᠰᠤᠨ ᠤ ᠬᠤᠯᠪᠤᠭᠠᠨ ᠳᠤ ᠰᠠᠨᠠᠭᠠᠴᠢᠯᠠᠭᠠᠳᠠᠢ | ᠪᠠᠭᠳᠠᠯᠴᠠᠨ᠂ ᠡᠬᠢ ᠰᠣᠷᠪᠣᠯᠵᠢ ᠶᠢ ᠬᠠᠮᠲᠣ ᠡᠳ᠋ᠯᠡᠭᠰᠡᠨ᠂ ᠲᠦᠷᠦ ᠶᠢᠨ ᠪᠣᠳᠣᠯᠭ᠎ᠠ ᠪᠠᠷ ᠬᠠᠷᠢᠯᠴᠠᠨ | ᠬᠠᠷᠠᠭᠠᠯᠵᠠᠭᠰᠠᠨ᠂ ᠮᠡᠳᠡᠭᠡ ᠵᠠᠩᠬᠢ ᠬᠠᠷᠢᠯᠴᠠᠨ ᠨᠡᠪᠲᠡᠷᠡᠯᠴᠡᠭᠰᠡᠨ ᠵᠢᠭᠤᠯᠴᠢᠯᠠᠯ ᠤᠨ ᠬᠠᠮᠳᠣᠷᠠᠯᠴᠠᠭᠠᠨ ᠤ ᠬᠦᠭᠵᠢᠯᠲᠡ | ᠶᠢᠨ ᠰᠢᠨ᠎ᠡ ᠪᠠᠶᠢᠳᠠᠯ ᠢ ᠪᠣᠢ ᠪᠣᠯᠭᠠᠵᠣ᠂ ᠬᠤᠰᠢᠭᠤᠨ ᠤ ᠰᠤᠶᠤᠯ ᠵᠢᠭᠤᠯᠴᠢᠯᠠᠯ ᠤᠨ ᠪᠥᠯᠥᠭᠯᠡᠯ ᠤᠨ ᠡᠬᠢ | ᠰᠤᠷᠪᠤᠯᠵᠢ ᠶᠢ ᠴᠡᠭᠴᠡᠵᠢᠭᠦᠯᠥᠨ᠂ ᠲᠠᠶᠢᠴᠢᠯᠠᠨ ᠲᠠᠭᠠᠭᠤᠯᠬᠤ ᠥᠢᠯᠡᠳᠥᠯ ᠢ ᠨᠢ ᠭᠥᠢᠴᠡᠳ ᠪᠠᠳᠠᠷᠠᠭᠤᠯᠵᠤ᠂ ᠪᠠᠶᠠᠨ | ᠰᠢᠪᠡᠷ ᠤᠨ ᠴᠠᠶᠢᠳᠠᠮ᠂ ᠬᠡᠷᠡᠮ ᠤᠨ ᠭᠤᠣᠯ ᠤᠨ ᠬᠤᠶᠢᠳᠦ ᠲᠣᠭᠤᠷᠢᠭ ᠵᠡᠷᠭᠡ ᠭᠤᠣᠯᠳᠠᠯᠭᠠᠳᠦ ᠦᠵᠡᠮᠵᠢ ᠶᠢᠨ | ᠣᠷᠣᠨ ᠤ ᠨᠡᠭᠡᠭᠡᠯᠳᠡ ᠪᠠᠶᠢᠭᠤᠯᠣᠯᠳᠠ ᠶᠢ ᠲᠦᠷᠭᠡᠳᠬᠡᠵᠣ᠂ ᠶᠡᠭᠡ ᠲᠣᠯᠣᠨ᠂ ᠴᠠᠬᠢᠷᠮ᠎ᠠ ᠴᠡᠴᠡᠭᠳᠤ ᠲᠠᠯ᠎ᠠ ᠨᠣᠳᠤᠭ | ᠵᠡᠷᠭᠡ ᠦᠵᠡᠮᠵᠢ ᠶᠢᠨ ᠣᠷᠣᠨ ᠤ ᠰᠠᠭᠤᠷᠢ ᠲᠦᠬᠦᠭᠡᠷᠦᠮᠵᠢ ᠶᠢᠨ ᠲᠦᠭᠦᠷᠵᠢᠯ ᠢ ᠲᠡᠭᠦᠯᠳᠡᠷᠵᠢᠭᠦᠯᠦᠨ᠂ ᠦᠵᠡᠮᠵᠢ | ᠶᠢᠨ ᠣᠷᠣᠨ ᠦᠵᠡᠮᠵᠢ ᠶᠢᠨ ᠴᠡᠭ ᠢ ᠰᠢᠰᠲ᠋ᠧᠮ ᠲᠠᠢ ᠲᠡᠰ ᠲᠠᠪᠰᠢᠭᠤᠯᠣᠨᠠ᠃ ᠦᠵᠡᠮᠵᠢ ᠶᠢᠨ ᠱᠣᠭᠤᠮ ᠢ | ᠨᠡᠪᠳᠡᠷᠡᠭᠦᠯᠦᠨ᠂ ︽1 + 6︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠤ ᠡᠯ᠎ᠡ ᠣᠷᠳᠣᠨ | ᠬᠦᠷᠢᠶᠡᠯᠡᠩ ᠤᠨ ᠪᠠᠶᠢᠷᠢᠯᠠᠭᠤᠯᠣᠯᠳᠠ ᠶᠢ ᠲᠡᠭᠦᠯᠳᠡᠷᠵᠢᠭᠦᠯᠵᠣ᠂ ᠣᠯᠣᠰ ᠤᠨ ᠲᠡᠰ ᠤᠨ ᠣᠯᠣᠰ ᠤᠨ ᠪᠠᠳᠣᠯᠠᠨ | ᠬᠠᠮᠭᠠᠯᠠᠯᠳᠠ ᠶᠢᠨ ᠬᠦᠮᠦᠵᠢᠯ ᠤᠨ ᠰᠠᠭᠤᠷᠢᠨ ᠢ ᠴᠣᠭᠴᠠᠯᠠᠬᠤ ᠪᠠᠷ ᠴᠢᠷᠮᠠᠶᠢᠵᠣ᠂ ᠬᠤᠪᠢᠰᠬᠠᠯᠳᠦ ᠵᠢᠭᠤᠯᠴᠢᠯᠠᠯ ᠤᠨ | ᠠᠭᠤᠯᠠᠬᠤᠨ ᠪᠠ ᠬᠡᠯᠪᠡᠷᠢ ᠶᠢ ᠦᠷᠭᠡᠳᠬᠡᠨ ᠪᠠᠶᠠᠯᠢᠭᠵᠢᠭᠤᠯᠵᠣ᠂ ᠭᠠᠷᠠᠭ ᠤᠨ ᠠᠮᠠᠷᠠᠯᠳᠠ ᠪᠠᠷ ᠵᠢᠭᠤᠯᠴᠢᠯᠠᠬᠤ᠂ | ᠮᠠᠰᠢᠨ ᠪᠠᠷᠢᠵᠣ ᠵᠢᠭᠤᠯᠴᠢᠯᠠᠬᠤ ᠰᠣᠳᠣᠨ ᠵᠠᠮ ᠱᠣᠭᠤᠮ ᠢ ᠨᠡᠭᠡᠭᠡᠨ᠂ ᠦᠵᠡᠮᠵᠢ ᠰᠣᠨᠢᠷᠬᠠᠬᠤ ᠵᠢᠭᠤᠯᠴᠢᠯᠠᠯ᠂ | ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠮᠠᠯᠵᠢᠬᠤ ᠨᠣᠳᠤᠭ ᠲᠠᠷᠢᠶᠠᠯᠠᠬᠤ ᠣᠷᠣᠨ ᠤ ᠵᠢᠭᠤᠯᠴᠢᠯᠠᠯ ᠵᠡᠷᠭᠡ ᠶᠢ | ᠲᠦᠷᠭᠡᠨ ᠬᠦᠭᠵᠢᠭᠦᠯᠵᠣ᠂ ᠣᠯᠣᠰ ᠤᠨ ᠪᠠᠷᠠᠭᠤᠨ ᠣᠷᠣᠨ ᠤ ᠬᠤᠪᠢᠰᠬᠠᠯᠳᠦ ᠵᠢᠭᠤᠯᠴᠢᠯᠠᠯ ᠤᠨ ᠲᠠᠭᠤᠷᠢᠶᠠᠯ | ᠣᠷᠣᠨ ᠢ ᠪᠠᠶᠢᠭᠤᠯᠣᠨ᠎ᠠ᠃ ᠦᠵᠡᠮᠵᠢ ᠶᠢᠨ ᠪᠦᠰᠠ ᠶᠢᠨ ᠴᠢᠨᠠᠷᠵᠢᠯ ᠢ ᠲᠡᠭᠡᠭᠰᠢᠯᠡᠭᠦᠯᠥᠨ᠂ ᠬᠦᠳᠡᠭᠡ ᠨᠣᠳᠤᠭ ᠤᠨ | ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠣᠰᠬᠤᠨ ᠲᠠᠭᠤᠷᠢᠶᠠᠯ ᠡᠷᠦᠭᠡ ᠴᠣᠭᠴᠠᠯᠠᠬᠤ ᠵᠢᠯ ᠤᠨ ᠡᠭᠦᠷᠭᠡ ᠪᠠᠨ | ᠪᠡᠶᠡᠯᠡᠭᠦᠯᠦᠨ᠂ ︽ᠪᠠᠶᠠᠰᠤᠯᠳᠤ ᠮᠠᠯᠵᠢᠯ ᠤᠨ ᠲᠠᠯᠠᠪᠠᠢ︾ ᠭᠥᠳᠡᠭᠡ ᠨᠤᠳᠤᠭ ᠤᠨ ᠵᠢᠭᠤᠯᠴᠢᠯᠠᠯ ᠤᠨ ᠨᠡᠷᠡᠳᠤ ᠲᠡᠮᠳᠡᠭ | ᠢ ᠰᠡᠳᠦᠨ ᠬᠦᠭᠵᠢᠭᠦᠯᠵᠣ᠂ ᠡᠮᠨᠡᠵᠣ ᠰᠣᠪᠢᠯᠠᠬᠤ ᠶᠢ ᠣᠶᠠᠯᠳᠣᠭᠤᠯᠬᠤ ᠲᠣᠷᠰᠢᠯᠳᠠ ᠶᠢᠨ ᠠᠵᠢᠯ ᠢ | ᠭᠦᠨᠵᠡᠭᠡᠶᠢᠷᠡᠭᠦᠯᠵᠣ᠂ ︽ᠡᠮᠴᠢᠯᠡᠭᠡ᠂ ᠰᠣᠪᠢᠯᠠᠯᠳᠠ᠂ ᠡᠷᠡᠭᠦᠯᠵᠢᠯ᠂ ᠵᠢᠭᠤᠯᠴᠢᠯᠠᠯ᠂ ᠨᠠᠰᠣᠵᠢᠯ︾ ᠢ ᠨᠢᠭᠡᠳᠭᠡᠭᠰᠡᠨ | ᠡᠷᠡᠭᠦᠯ ᠡᠩᠬᠡ ᠶᠢᠨ ᠠᠵᠣ ᠣᠶᠢᠯᠠᠰ ᠢ ᠬᠦᠭᠵᠢᠭᠦᠯᠦᠨ᠂ ᠴᠠᠬᠢᠷᠮ᠎ᠠ ᠴᠡᠴᠡᠭ ᠤᠨ ᠨᠠᠶᠢᠷ᠂ ᠭᠤᠯᠣᠮᠳᠠ ᠭᠠᠯ ᠰᠣᠶᠣᠯ | ᠤᠨ ᠨᠠᠶᠢᠷ ᠵᠡᠷᠭᠡ ᠪᠦᠬᠦ ᠴᠠᠷᠠᠭᠠᠨ ᠤ ᠵᠢᠭᠤᠯᠴᠢᠯᠠᠯ ᠤᠨ ᠠᠵᠢᠯᠯᠠᠭᠠᠨ ᠤ ᠨᠡᠷᠡᠳᠦ ᠲᠡᠮᠳᠡᠭ ᠢ ᠬᠦᠴᠦᠷᠬᠡᠭᠵᠢᠭᠦᠯᠵᠣ᠂ | ᠦᠭᠭᠢᠶᠡᠮᠣᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠤᠨ ᠠᠯᠳᠠᠷᠰᠢᠯ ᠢ | ᠲᠡᠭᠡᠭᠰᠢᠯᠡᠭᠦᠯᠦᠨ᠎ᠡ᠃ ᠪᠣᠳᠠᠳᠦ ᠴᠣᠭᠴᠠ ᠶᠢᠨ ᠠᠷᠠᠯᠵᠢᠶ᠎ᠠ ᠪᠣᠯᠣᠨ ᠰᠦᠯᠵᠢᠶᠠᠨ ᠬᠤᠳᠠᠯᠳᠤᠭ᠎ᠠ ᠶᠢ ᠬᠠᠮᠳᠦ ᠳᠤ ᠨᠢ | ᠠᠳᠬᠤᠵᠣ᠂ ᠠᠷᠠᠯᠵᠢᠶ᠎ᠠ ᠬᠤᠳᠠᠯᠳᠤᠭ᠎ᠠ ᠭᠦᠢᠯᠭᠡᠭᠡ ᠶᠢ ᠠᠮᠢᠳᠣᠯᠢᠭᠵᠢᠭᠤᠯᠣᠨ᠎ᠠ᠃ ᠤᠯᠵᠠᠴᠢ ᠪᠠᠯᠭᠠᠰᠤ ᠪᠤᠯᠤᠨ | ᠱᠠᠩᠬᠠᠢ ᠶᠢᠨ ᠰᠥᠮ᠎ᠡ ᠪᠠᠯᠭᠠᠰᠤᠨ ᠤ ᠪᠤᠳᠠᠰ ᠤᠨ ᠭᠥᠢᠯᠭᠡᠭᠡ ᠶᠢᠨ ᠭᠥᠷᠢᠶᠡᠯᠡᠩ ᠲᠤᠭᠤᠷᠢᠭ ᠶᠢ ᠪᠠᠶᠢᠭᠤᠯᠵᠣ᠂ | ᠬᠦᠮᠦᠷᠭᠡᠯᠡᠬᠦ᠂ ᠬᠦᠷᠭᠡᠬᠦ᠂ ᠬᠦᠷᠦᠬᠡᠭᠦ ᠵᠡᠷᠭᠡ ᠪᠤᠳᠠᠰ ᠤᠨ ᠭᠥᠢᠯᠭᠡᠭᠡ ᠶᠢᠨ ᠣᠶᠢᠯᠠᠰ ᠢ ᠬᠦᠭᠵᠢᠭᠦᠯᠵᠣ᠂ ᠪᠠᠷᠠᠭ᠎ᠠ | ᠭᠦᠢᠯᠭᠡᠭᠡᠨ ᠤ ᠦᠪᠡᠷ ᠤᠨ ᠦᠷᠳᠡᠭ ᠢ ᠪᠠᠭᠤᠷᠠᠭᠤᠯᠣᠨ᠎ᠠ᠃ ᠢᠨᠲ᠋ᠧᠷ ᠰᠥᠯᠵᠢᠶᠡᠨ ᠤ ᠠᠵᠤ ᠠᠬᠤᠢ ᠶᠢᠨ | ᠭᠥᠭᠵᠢᠯᠳᠡ ᠶᠢ ᠲᠥᠷᠭᠡᠳᠭᠡᠨ᠂ ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠬᠦᠷᠢᠶᠡᠯᠠᠩ ᠢᠶᠠᠷ ᠲᠠᠪᠴᠠᠩ | ᠪᠣᠯᠭᠠᠨ ᠲᠦᠷᠦ ᠶᠢᠨ ᠪᠣᠳᠣᠯᠭ᠎ᠠ ᠶᠢᠨ ᠲᠡᠮᠵᠢᠯᠭᠡ ᠪᠠᠨ ᠴᠢᠩᠭᠠᠳᠬᠠᠵᠣ᠂ ᠰᠥᠯᠵᠢᠶᠡᠨ ᠠᠷᠠᠯᠵᠢᠶᠠᠨ ᠤ ᠨᠡᠷᠡᠳᠦ | ᠲᠠᠪᠴᠠᠩ ᠯᠤᠭ᠎ᠠ ᠢᠳᠡᠪᠬᠢᠳᠡᠢ ᠬᠠᠷᠢᠯᠴᠠᠨ ᠣᠳᠤᠭ ᠤᠨ ᠡᠮᠦᠨᠡᠳᠦ ᠬᠤᠰᠢᠭᠤᠨ ᠤ ᠣᠷᠣᠨ ᠨᠣᠳᠤᠭ ᠤᠨ ᠣᠷᠳᠣᠨ᠂ | ᠣᠨᠴᠠᠯᠢᠭᠳᠦ ᠣᠷᠳᠣᠨ ᠵᠡᠷᠭᠡ ᠰᠦᠯᠵᠢᠶᠠᠨ ᠬᠤᠳᠠᠯᠳᠣᠭᠠᠨ ᠤ ᠬᠤᠰᠢᠭᠤᠴᠢ ᠲᠡᠯᠭᠡᠭᠦᠷ ᠨᠡᠭᠡᠭᠡᠨ᠂ ᠣᠷᠣᠨ ᠨᠣᠳᠤᠭ | ᠤᠨ ᠣᠨᠴᠠᠯᠢᠭᠳᠦ ᠲᠠᠸᠠᠷ ᠢ ᠰᠦᠯᠵᠢᠶᠡᠨ ᠳᠤ ᠭᠠᠷᠭᠠᠵᠣ᠂ ᠵᠢᠯ ᠤᠨ ᠰᠦᠯᠵᠢᠶᠡᠨ ᠪᠣᠷᠣᠯᠠᠭᠤᠯᠭ᠎ᠠ ᠶᠢ 3 | ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠠᠶᠢᠨ᠎ᠠ᠃ | ︵ᠲᠠᠪᠤ︶ ᠦᠭᠡᠷᠡᠴᠢᠯᠡᠯᠳᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠣ᠂ ᠬᠦᠭᠵᠢᠯᠳᠡ ᠶᠢᠨ ᠠᠮᠢᠳᠣᠯᠢᠭ | ᠬᠦᠴᠦᠨ ᠢ ᠪᠠᠳᠠᠷᠠᠭᠤᠯᠣᠨ᠎ᠠ᠃ ᠦᠭᠡᠷᠡᠴᠢᠯᠡᠯᠳᠡ ᠰᠢᠨᠡᠴᠢᠯᠡᠯᠳᠡ ᠪᠠᠷ ᠶᠠᠰᠣ ᠴᠢᠨᠠᠷ᠂ ᠦᠷ᠎ᠡ ᠠᠰᠢᠭ᠂ ᠬᠦᠳᠡᠯᠭᠡᠭᠴᠢ | ᠬᠦᠴᠦᠨ ᠤ ᠬᠤᠪᠢᠰᠣᠯᠳᠠ ᠶᠢ ᠠᠬᠢᠭᠤᠯᠵᠣ᠂ ᠣᠯᠠᠨ ᠲᠦᠮᠡᠨ ᠳᠤ ᠨᠡᠩ ᠣᠯᠠᠨ ᠦᠭᠡᠷᠡᠴᠢᠯᠡᠯᠳᠡ ᠰᠢᠨᠡᠴᠢᠯᠡᠯᠳᠡ | ᠶᠢᠨ ᠦᠷ᠎ᠡ ᠪᠦᠳᠦᠭᠡᠯ ᠢ ᠡᠳ᠋ᠯᠡᠭᠦᠯᠦᠨ᠎ᠡ᠃ | ᠭᠤᠣᠯᠳᠠᠯᠭᠠᠳᠦ ᠬᠡᠪᠴᠢᠶᠡᠨ ᠤ ᠦᠭᠡᠷᠡᠴᠢᠯᠡᠯᠳᠡ ᠶᠢ ᠠᠬᠢᠭᠤᠯᠣᠨ᠎ᠠ᠃ ᠵᠠᠬ᠎ᠠ ᠲᠡᠯᠭᠡᠭᠦᠷ ᠤᠨ ᠵᠦᠪᠰᠢᠶᠡᠷᠡᠯ ᠤᠨ | ᠨᠠᠵᠠᠭᠠᠢ ᠲᠠᠯ᠎ᠠ ᠶᠢᠨ ᠲᠠᠩᠰᠠᠨ ᠤ ᠲᠦᠷᠢᠮ ᠤᠨ ᠦᠭᠡᠷᠡᠴᠢᠯᠡᠯᠳᠡ ᠬᠢᠵᠣ᠂ ︽ᠬᠤᠶᠠᠷ ᠢ ᠲᠤᠬᠢᠶᠠᠯᠳᠤᠯ ᠢᠶᠠᠷ᠂ ᠨᠢᠭᠡ | ᠶᠢ ᠢᠯᠡᠰᠢᠭᠦᠯᠭᠦ︾ ᠬᠢᠨᠠᠯᠳᠠ ᠬᠠᠮᠢᠶᠠᠷᠣᠯᠳᠠ ᠶᠢᠨ ᠪᠦᠬᠦ ᠪᠦᠷᠬᠦᠴᠡ ᠶᠢ ᠠᠬᠢᠭᠤᠯᠣᠨ᠎ᠠ᠃ ᠪᠠᠶᠢᠭᠤᠯᠣᠮᠵᠢ ᠶᠢᠨ | ᠦᠭᠡᠷᠡᠴᠢᠯᠡᠯᠳᠠ ᠶᠢᠨ ᠡᠯ᠎ᠡ ᠲᠦᠷᠦᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠵᠠᠰᠠᠭ | ᠵᠠᠬᠢᠷᠭᠠᠨ ᠤ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠬᠦ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ | ᠬᠠᠮᠢᠶᠠᠷᠣᠯᠳᠠ ᠶᠢᠨ ᠴᠢᠳᠠᠪᠬᠢ ᠶᠢ ᠲᠣᠬᠢᠷᠠᠭᠤᠯᠣᠨ ᠰᠢᠯᠢᠳᠡᠭᠵᠢᠭᠦᠯᠵᠣ᠂ ᠬᠤᠯᠪᠣᠭᠠᠯᠠᠨ ᠬᠠᠣᠯᠢ ᠬᠡᠷᠡᠭᠵᠢᠭᠦᠯᠬᠦ | ᠲᠣᠭᠳᠠᠴᠠ ᠶᠢ ᠲᠡᠭᠦᠯᠳᠡᠷᠵᠢᠭᠦᠯᠦᠨ᠂ ᠬᠠᠣᠯᠢ ᠬᠡᠷᠡᠭᠵᠢᠭᠦᠯᠬᠦ ᠦᠷ᠎ᠡ ᠠᠰᠢᠭ ᠢ ᠲᠡᠭᠡᠭᠰᠢᠯᠡᠭᠦᠯᠥᠨ᠎ᠡ᠃ ︽ᠪᠠᠭᠤᠯᠭᠠᠬᠤ | ᠬᠠᠮᠢᠶᠠᠷᠬᠤ ᠣᠶᠢᠯᠡᠴᠢᠯᠡᠬᠦ︾ ᠦᠭᠡᠷᠡᠴᠢᠯᠡᠯᠳᠡ ᠶᠢ ᠤᠯᠠᠮ ᠭᠦᠨᠵᠡᠭᠡᠶᠢᠷᠡᠭᠦᠯᠵᠣ᠂ ᠦᠨᠳᠦᠰᠦᠳᠡᠨ ᠤ ᠭᠠᠵᠠᠷ ᠣᠷᠣᠨ | ᠤ ︽ᠲᠦᠷᠪᠡᠨ ᠣᠷᠣᠨ ᠲᠦᠷᠪᠡᠨ ᠭᠦᠢᠴᠡᠳᠬᠡᠯ︾ ᠤᠨ ᠣᠶᠣᠨᠴᠢ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ | ᠵᠠᠭᠪᠣᠷ ᠢ ᠠᠬᠢᠭᠤᠯᠵᠣ᠂ ᠮᠠᠨ ᠤ ᠬᠤᠰᠢᠭᠤ ᠪᠠᠨ ᠣᠯᠣᠰ ᠤᠨ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ | ᠪᠠᠷᠢᠮᠵᠢᠶᠡᠴᠢᠯᠠᠭᠰᠠᠨ ᠲᠣᠷᠰᠢᠯᠳᠡ ᠶᠢᠨ ᠴᠡᠭ ᠪᠣᠯᠭᠠᠬᠤ ᠪᠠᠷ ᠴᠢᠷᠮᠡᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ | ᠭᠠᠵᠠᠷ ᠰᠢᠷᠣᠢ ᠶᠢᠨ ︽ᠭᠤᠷᠪᠠᠨ ᠡᠷᠬᠡ ᠶᠢ ᠲᠤᠰᠠᠭᠠᠷᠯᠠᠬᠤ︾ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠣ᠂ | ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠣᠭᠳᠠᠪᠦᠷᠵᠢᠭᠤᠯᠣᠨᠠ᠃ ᠰᠣᠶᠣᠯ᠂ ᠰᠣᠷᠭᠠᠨ ᠬᠦᠮᠦᠵᠢᠯ᠂ ᠡᠷᠡᠬᠦᠯ | ᠬᠠᠮᠠᠭᠠᠯᠠᠯ ᠵᠡᠷᠭᠡ ᠬᠡᠪᠴᠢᠶᠡᠨ ᠳᠠᠬᠢ ᠦᠭᠡᠷᠡᠴᠢᠯᠡᠯᠳᠡ ᠶᠢ ᠲᠦᠷᠭᠡᠳᠬᠡᠵᠣ᠂ ᠨᠡᠶᠢᠳᠡ ᠶᠢᠨ ᠣᠶᠢᠯᠡᠴᠢᠯᠡᠭᠡᠨ ᠤ | ᠲᠡᠩᠴᠡᠭᠦᠷᠢᠰᠢᠯ᠂ ᠨᠠᠷᠢᠯᠢᠭᠵᠢᠯ ᠢ ᠠᠬᠢᠭᠤᠯᠣᠨ᠎ᠠ᠃ | ᠴᠢᠯᠦᠭᠡᠳᠡᠢ ᠶᠠᠪᠣᠯᠴᠠᠨ ᠬᠠᠮᠳᠣᠷᠠᠯᠴᠠᠬᠤ ᠶᠢ ᠭᠦᠨᠵᠡᠭᠡᠶᠢᠷᠡᠭᠦᠯᠦᠨ᠎ᠡ᠃ ᠲᠠᠯ᠎ᠠ ᠨᠣᠳᠤᠭ ᠤᠨ ᠲᠣᠷᠭᠠᠨ ᠵᠠᠮ ᠤᠨ | ᠬᠦᠭᠵᠢᠯᠳᠡ ᠶᠢᠨ ᠲᠠᠶᠢᠴᠢᠯᠠᠯ ᠢ ᠰᠠᠨᠠᠭᠠᠴᠢᠯᠭ᠎ᠠ ᠲᠠᠢ ᠬᠦᠯᠢᠶᠡᠵᠣ᠂ ᠬᠦᠬᠡᠬᠤᠳᠠ ᠪᠣᠭᠤᠳᠣ ᠣᠷᠳᠣᠰ ᠤᠨ ᠠᠵᠣ | ᠠᠬᠤᠢ ᠶᠢᠨ ᠲᠣᠭᠤᠷᠢᠭ ᠤᠨ ᠬᠠᠮᠳᠣᠷᠠᠯᠴᠠᠭᠠᠨ ᠳᠤ ᠢᠳᠡᠪᠬᠢᠯᠡᠵᠣ᠂ ᠣᠷᠣᠨ ᠪᠠᠶᠢᠷᠢ ᠶᠢᠨ ᠲᠠᠪᠠᠭᠤᠯᠢᠭ ᠲᠤ | ᠰᠠᠭᠤᠷᠢᠯᠠᠨ᠂ ᠦᠪᠦᠷ ᠮᠣᠩᠭᠤᠯ᠂ ᠱᠠᠨᠰᠢ᠂ ᠨᠢᠩᠰᠢᠶᠠ ᠶᠢᠨ ᠬᠦᠷᠰᠢ ᠣᠷᠣᠨ ᠯᠤᠭ᠎ᠠ ᠶᠢᠨ ᠡᠬᠢ ᠰᠣᠷᠪᠣᠯᠵᠢ ᠶᠢᠨ | ᠨᠡᠭᠡᠭᠡᠯᠳᠡ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯ᠂ ᠨᠡᠶᠢᠭᠡᠮ ᠤᠨ ᠣᠶᠢᠯᠠᠰ᠂ ᠣᠳᠦ ᠦᠶ᠎ᠡ ᠶᠢᠨ ᠣᠶᠢᠯᠡᠴᠢᠯᠡᠭᠡᠨ | ᠤ ᠣᠶᠢᠯᠠᠰ ᠵᠡᠷᠭᠡ ᠬᠡᠪᠴᠢᠶᠡᠨ ᠳᠠᠬᠢ ᠪᠣᠳᠠᠳᠠᠢ ᠬᠠᠮᠳᠣᠷᠠᠯᠴᠠᠭ᠎ᠠ ᠪᠠᠨ ᠴᠢᠩᠭᠠᠳᠬᠠᠵᠣ᠂ ᠲᠠᠪᠠᠭᠤᠯᠢᠭ ᠢᠶᠠᠨ | ᠨᠦᠬᠦᠪᠦᠷᠢᠯᠡᠨ ᠬᠦᠭᠵᠢᠵᠣ᠂ ᠦᠪᠦᠷ ᠮᠣᠩᠭᠤᠯ ᠤᠨ ᠪᠠᠷᠠᠭᠤᠨᠰᠢ ᠨᠡᠭᠡᠭᠡᠯᠳᠡ ᠶᠢᠨ ᠲᠡᠷᠢᠭᠦᠴᠢ ᠦᠷᠳᠡᠭᠡ ᠪᠣᠯᠬᠤ ᠪᠠᠷ | ᠴᠢᠷᠮᠠᠶᠢᠨ᠎ᠠ᠃ ᠠᠺᠠᠳᠧᠮᠢᠴᠢ ᠶᠢᠨ ᠠᠵᠢᠯ ᠤᠨ ᠦᠷᠳᠡᠭᠡ ᠳᠤ ᠲᠦᠰᠢᠭᠯᠡᠨ ᠮᠣᠩᠭᠤᠯ ᠣᠯᠣᠰ ᠯᠤᠭ᠎ᠠ ᠶᠢᠨ ᠮᠠᠯ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠷᠢᠶ᠎ᠡ ᠬᠡᠪᠴᠢᠶᠡᠨ ᠳᠠᠬᠢ ᠬᠠᠮᠳᠣᠷᠠᠯᠴᠠᠭ᠎ᠠ ᠪᠠᠨ ᠦᠷᠬᠦᠯᠵᠢᠯᠡᠨ | ᠭᠦᠨᠵᠡᠭᠡᠶᠢᠷᠡᠭᠦᠯᠵᠣ᠂ ᠠᠷᠠᠳ ᠤᠨ ᠠᠮᠢᠳᠣᠷᠠᠯ ᠢ ᠬᠠᠷᠠᠭᠠᠯᠵᠠᠨ ᠬᠦᠭᠵᠢᠯᠳᠡ ᠶᠢ ᠠᠬᠢᠭᠤᠯᠬᠤ ᠨᠡᠩ ᠠᠷᠪᠢᠨ | ᠰᠢᠨᠵᠢᠯᠡᠭᠡ ᠰᠣᠳᠣᠯᠭᠠᠨ ᠤ ᠦᠷ᠎ᠡ ᠪᠦᠳᠦᠭᠡᠯ ᠭᠠᠷᠭᠠᠬᠤ ᠪᠠᠷ ᠴᠢᠷᠮᠠᠶᠢᠨ᠎ᠠ᠃ | ᠰᠢᠨᠡᠴᠢᠯᠡᠯᠳᠡ ᠪᠠᠷ ᠲᠠᠶᠢᠴᠢᠯᠠᠨ ᠲᠠᠭᠠᠭᠤᠯᠬᠤ ᠶᠢ ᠴᠢᠩᠭᠠᠳᠬᠠᠨ᠎ᠠ᠃ ︽ᠴᠠᠬᠢᠷᠮ᠎ᠠ ᠴᠢᠳᠠᠪᠦᠷᠢᠳᠠᠨ︾ | ᠪᠠᠶᠢᠯᠳᠣᠬᠤ ᠪᠣᠳᠣᠯᠭ᠎ᠠ ᠶᠢ ᠦᠷᠬᠦᠯᠵᠢᠡᠯᠨ ᠭᠦᠨᠵᠡᠭᠡᠢ ᠬᠡᠷᠡᠭᠵᠢᠭᠦᠯᠵᠣ᠂ ᠣᠳᠣ ᠪᠠᠶᠢᠭ᠎ᠠ ᠴᠢᠬᠤᠯᠠ ᠶᠡᠭᠡ ᠲᠦᠷᠦᠯ | ᠵᠣᠶᠢᠯ ᠤᠨ ᠴᠢᠳᠠᠪᠦᠷᠢᠳᠠᠨ ᠲᠠᠳᠠᠬᠤ ᠣᠶᠢᠯᠠᠳᠣᠯ ᠢ ᠪᠠᠳᠠᠷᠠᠭᠤᠯᠣᠨ᠂ ᠠᠵᠣ ᠣᠶᠢᠯᠠᠰ ᠤᠨ ᠬᠦᠭᠵᠢᠯᠳᠡ ᠪᠣᠯᠣᠨ | ᠠᠵᠣ ᠠᠬᠤᠶᠢᠯᠠᠯ ᠤᠨ ᠡᠵᠡᠩᠨᠡᠯᠳᠡ ᠶᠢᠨ ᠭᠡᠷᠡᠭᠴᠡᠭᠡ ᠶᠢ ᠡᠵᠡᠮᠳᠡᠵᠣ᠂ ᠦᠨᠳᠦᠷ ᠬᠡᠪ ᠴᠢᠨᠠᠷᠳᠦ ᠴᠢᠳᠠᠪᠦᠷᠢᠳᠠᠨ ᠢ | ᠮᠠᠨ ᠤ ᠬᠤᠰᠢᠭᠤᠨ ᠳᠤ ᠣᠶᠢᠯᠡᠴᠢᠯᠡᠭᠦᠯᠦᠨᠡ᠃ ᠵᠠᠯᠠᠭᠤᠴᠣᠳ ᠤᠨ ᠣᠶᠢᠯᠠᠰ ᠪᠦᠳᠦᠭᠡᠬᠦ ᠬᠦᠷᠢᠶᠡᠯᠡᠩ᠂ ᠲᠠᠶᠠᠭᠠᠷ | ᠣᠯᠠᠨ ᠢᠶᠠᠷ ᠣᠶᠢᠯᠠᠰ ᠪᠦᠳᠦᠭᠡᠬᠦ ᠰᠠᠭᠤᠷᠢᠨ ᠵᠡᠷᠭᠡ ᠠᠴᠢᠶᠠᠯᠠᠭᠴᠢ ᠲᠠᠪᠴᠠᠩ ᠤᠨ ᠣᠶᠢᠯᠠᠳᠣᠯ ᠢ ᠭᠦᠢᠴᠡᠳ | ᠪᠠᠳᠠᠷᠠᠭᠤᠯᠣᠨ᠂ ᠣᠷᠣᠨ ᠨᠣᠳᠤᠭ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠭᠠᠨ ᠬᠡᠷᠡᠭᠯᠡᠬᠦ ᠶᠢ | ᠠᠬᠢᠭᠤᠯᠵᠣ᠂ ᠮᠠᠯᠴᠢᠨ ᠲᠠᠷᠢᠶᠠᠴᠢᠨ ᠢ ᠵᠣᠷᠢᠭᠵᠢᠭᠤᠯᠣᠨ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ ᠪᠣᠯᠣᠨ ᠰᠢᠨ᠎ᠡ | ᠲᠣᠨᠣᠭᠯᠠᠯ ᠢ ᠨᠡᠭᠡᠭᠡᠨ ᠠᠰᠢᠭᠯᠠᠭᠤᠯᠵᠣ᠂ ᠣᠯᠠᠨ ᠢᠶᠠᠷ ᠣᠶᠢᠯᠠᠰ ᠪᠦᠳᠦᠭᠡᠵᠣ᠂ ᠲᠠᠶᠠᠭᠠᠷ ᠢᠶᠠᠨ ᠰᠢᠨ᠎ᠡ ᠶᠢ ᠡᠭᠦᠳᠬᠦ | ᠰᠢᠨ᠎ᠡ ᠲᠦᠪᠰᠢᠨ ᠳᠤ ᠠᠬᠢᠭᠤᠯᠣᠨ᠎ᠠ᠃ | ︵ᠵᠢᠷᠭᠤᠭ᠎ᠠ︶ ᠠᠷᠠᠳ ᠤᠨ ᠠᠮᠢᠳᠣᠷᠠᠯ ᠤᠨ ᠪᠣᠳᠠᠳᠦ ᠣᠴᠢᠷ ᠢ ᠰᠠᠶᠢᠳᠦᠷ ᠭᠦᠢᠴᠡᠳᠬᠡᠵᠣ᠂ ᠣᠯᠠᠨ ᠲᠦᠮᠡᠨ ᠤ | ᠠᠰᠢᠭ ᠵᠢᠷᠭᠠᠯ ᠢ ᠨᠡᠮᠡᠭᠳᠡᠭᠦᠯᠦᠨ᠎ᠡ᠃ ᠣᠯᠠᠨ ᠲᠦᠮᠡᠨ ᠤ ᠪᠣᠳᠣᠯ ᠬᠦᠰᠡᠯ ᠬᠡᠷᠡᠭᠴᠡᠭᠡ ᠶᠢ ᠴᠢᠬᠤᠯᠠᠴᠢᠯᠠᠵᠣ᠂ ᠲᠦᠷᠦ | ᠶᠢᠨ ᠪᠣᠳᠣᠯᠭ᠎ᠠ ᠶᠢᠨ ᠣᠨᠣᠪᠴᠢᠳᠦ ᠴᠢᠨᠠᠷ ᠪᠣᠯᠣᠨ ᠬᠠᠨᠳᠣᠯᠭᠠᠳᠦ ᠴᠢᠨᠠᠷ ᠢ ᠲᠣᠪᠣᠶᠢᠯᠭᠠᠨ᠂ ᠣᠯᠠᠨ ᠲᠦᠮᠡᠨ ᠤ | ᠬᠠᠨᠣᠮᠵᠢ᠂ ᠵᠣᠯ ᠵᠢᠷᠭᠠᠯ᠂ ᠠᠮᠣᠷ ᠲᠦᠪᠰᠢᠨ ᠤ ᠲᠦᠷᠦᠭᠳᠡᠯ ᠢ ᠲᠡᠭᠡᠭᠰᠢᠯᠡᠭᠦᠯᠦᠨ᠎ᠡ᠃ | ᠰᠣᠷᠭᠠᠨ ᠬᠦᠮᠦᠵᠢᠯ ᠢᠶᠠᠷ ᠠᠷᠠᠳ ᠢ ᠬᠠᠷᠠᠭᠠᠯᠵᠠᠬᠤ ᠶᠢ ᠪᠠᠷᠢᠮᠳᠠᠯᠠᠨ᠎ᠠ᠃ ᠭᠤᠣᠯᠯᠠᠭᠴᠢ ᠪᠠᠭᠰᠢ ᠨᠠᠷ | ᠦᠨᠳᠦᠰᠦᠨ ᠱᠠᠳᠣᠨ ᠳᠤ ᠡᠭᠡᠯᠵᠢᠯᠡᠨ ᠠᠵᠢᠯᠯᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠣ᠂ ᠪᠣᠷᠣᠪᠠᠯᠭᠠᠰᠦ᠂ | ᠨᠠᠩᠰᠦ ᠶᠢᠨ ᠪᠠᠭᠰᠢ ᠨᠠᠷ ᠤᠨ ᠪᠠᠶᠢᠷᠢ ᠶᠢᠨ ᠭᠡᠷ ᠢ ᠪᠠᠶᠢᠭᠤᠯᠵᠣ᠂ ᠮᠣᠩᠭᠤᠯ ᠴᠡᠴᠡᠷᠯᠢᠭ ᠤᠨ ᠪᠠᠷᠢᠯᠭ᠎ᠠ ᠶᠢ | ᠲᠠᠭᠤᠰᠬᠠᠵᠣ᠂ ᠣᠯᠵᠠᠴᠢ ᠪᠠᠯᠭᠠᠰᠣᠨ ᠳᠤ ᠪᠠᠶᠢᠷᠢ ᠳᠤ ᠰᠠᠭᠤᠬᠤ ᠲᠦᠷᠢᠮᠳᠦ 1 ᠪᠦᠷᠢᠨ ᠪᠠᠭ᠎ᠠ ᠰᠣᠷᠭᠠᠭᠤᠯᠢ | ᠪᠠᠶᠢᠭᠤᠯᠵᠣ᠂ ᠦᠨᠳᠦᠰᠦᠳᠡᠨ ᠤ ᠠᠵᠢᠯ ᠮᠡᠷᠭᠡᠵᠢᠯ ᠤᠨ ᠲᠣᠮᠳᠠᠳᠦ ᠰᠣᠷᠭᠠᠭᠤᠯᠢ ᠶᠢᠨ ᠦᠪᠡᠷᠳᠡᠭᠡᠨ ᠵᠠᠰᠠᠬᠤ ᠣᠷᠣᠨ | ᠤ ᠣᠨᠴᠠᠯᠢᠭᠳᠦ ᠲᠠᠭᠤᠷᠢᠶᠠᠯ ᠰᠣᠷᠭᠠᠭᠤᠯᠢ ᠶᠢᠨ ᠴᠣᠭᠴᠠᠯᠠᠯᠳᠠ ᠶᠢ ᠲᠦᠷᠭᠡᠳᠬᠡᠵᠣ᠂ ᠠᠯᠪᠠᠨ ᠵᠢᠷᠦᠮ ᠤᠨ ᠰᠣᠷᠭᠠᠨ | ᠬᠦᠮᠦᠵᠢᠯ ᠤᠨ ᠴᠢᠨᠠᠷᠯᠢᠭ ᠲᠡᠩᠴᠡᠭᠦᠷᠢᠳᠡᠢ ᠬᠦᠭᠵᠢᠯᠳᠡ ᠶᠢ ᠠᠬᠢᠭᠤᠯᠣᠨ᠎ᠠ᠃ ︽ᠨᠡᠷᠡᠳᠦ ᠪᠠᠭᠰᠢ︾ ᠶᠢᠨ | ᠢᠨᠵᠧᠨᠧᠷᠢᠩ ᠢ ᠬᠡᠷᠡᠭᠵᠢᠭᠦᠯᠦᠨ᠂ ᠨᠢᠭᠡ ᠪᠦᠯᠦᠭ ᠨᠡᠷᠡᠳᠦ ᠪᠠᠭᠰᠢ᠂ ᠴᠢᠳᠠᠪᠦᠷᠢᠳᠦ ᠪᠠᠭᠰᠢ᠂ ᠭᠤᠣᠯᠯᠠᠭᠴᠢ ᠪᠠᠭᠰᠢ | ᠶᠢ ᠬᠦᠮᠦᠵᠢᠭᠦᠯᠦᠨ᠂ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠨᠠᠷ ᠢ ᠣᠯᠠᠮ ᠲᠡᠭᠡᠭᠰᠢᠯᠡᠭᠦᠯᠦᠨ᠎ᠡ᠃ | ᠡᠷᠡᠭᠦᠯ ᠬᠠᠮᠠᠭᠠᠯᠠᠯ ᠢᠶᠠᠷ ᠠᠷᠠᠳ ᠤᠨ ᠡᠷᠡᠭᠦᠯ ᠡᠩᠭᠡ ᠶᠢ ᠪᠠᠳᠤᠯᠠᠬᠤ ᠶᠢ ᠪᠠᠷᠢᠮᠳᠠᠯᠠᠨ᠎ᠠ᠃ ︽ᠰᠠᠶᠢᠨ ᠡᠮᠴᠢ | ᠭᠥᠳᠡᠭᠡ ᠳᠤ ᠪᠠᠭᠤᠬᠤ ᠢᠨᠵᠧᠨᠧᠷᠢᠩ︾ ᠢ ᠬᠡᠷᠡᠭᠵᠢᠭᠦᠯᠵᠥ᠂ ᠬᠤᠰᠢᠭᠤᠨ ᠤ ᠡᠮ ᠡᠮᠴᠢᠯᠡᠭᠡᠨ ᠤ ᠪᠠᠶᠢᠭᠤᠯᠤᠮᠵᠢ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠲᠤᠰᠠᠯᠠᠨ ᠲᠡᠮᠵᠢᠭᠦ ᠲᠤᠭᠳᠠᠴᠠ ᠪᠠᠶᠢᠭᠤᠯᠤᠨ᠂ ᠥᠨᠳᠥᠰᠥᠨ | ᠱᠠᠳᠤᠨ ᠤ ᠡᠮ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠢᠯᠡᠴᠢᠯᠡᠭᠡᠨ ᠤ ᠴᠢᠳᠠᠮᠵᠢ ᠶᠢ | ᠲᠡᠭᠡᠭᠰᠢᠯᠡᠭᠦᠯᠵᠥ᠂ ᠤᠯᠠᠨ ᠨᠡᠶᠢᠳᠡ ᠶᠢᠨ ᠥᠨᠳᠥᠰᠥᠨ ᠡᠷᠡᠭᠦᠯ ᠬᠠᠮᠠᠭᠠᠯᠠᠯ ᠤᠨ ᠥᠢᠯᠡᠴᠢᠯᠡᠭᠡ ᠪᠤᠯᠤᠨ ᠬᠡᠷ ᠪᠥᠯᠢ | ᠶᠢᠨ ᠡᠮᠴᠢ ᠶᠢᠨ ᠬᠡᠷ᠎ᠡ ᠲᠤᠬᠢᠷᠠᠬᠤ ᠥᠢᠯᠡᠴᠢᠯᠡᠭᠡ ᠶᠢ ᠲᠥᠭᠡᠮᠡᠯᠵᠢᠭᠦᠯᠥᠨᠡ᠃ ᠮᠤᠩᠭᠤᠯ ᠡᠮᠨᠡᠯᠭᠡ ᠶᠢᠨ | ᠶᠡᠷᠥᠩᠭᠡᠶᠢᠯᠡᠭᠰᠡᠨ ᠡᠮᠨᠡᠯᠭᠡ ᠶᠢᠨ ᠪᠠᠷᠢᠯᠭ᠎ᠠ ᠶᠢ ᠲᠤᠰ ᠵᠢᠯ ᠲᠠᠭᠤᠰᠬᠠᠵᠤ᠂ ᠪᠤᠯᠠᠭ᠂ ᠵᠤᠤᠬ᠎ᠠ᠂ ᠮᠤᠭᠠᠶᠢᠳᠤ᠂ | ᠢᠮᠠᠭᠠᠯᠠᠢ ᠲᠥᠷᠪᠡᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠲᠡᠭᠡᠷ᠎ᠡ ᠬᠠᠭᠠᠰ ᠵᠢᠯ ᠳᠤ ᠠᠰᠢᠭᠯᠠᠯᠳᠠ ᠳᠤ | ᠤᠷᠤᠭᠤᠯᠵᠤ᠂ ᠤᠯᠠᠨ ᠲᠥᠮᠡᠨ ᠤ ᠡᠮᠴᠢᠯᠡᠭᠦᠯᠭᠦ ᠤᠷᠴᠢᠨ ᠢ ᠪᠥᠭᠦ ᠲᠠᠯ᠎ᠠ ᠪᠠᠷ ᠰᠠᠶᠢᠵᠢᠷᠠᠭᠤᠯᠤᠨ᠂ ᠥᠪᠡᠷᠳᠡᠭᠡᠨ | ᠵᠠᠰᠠᠬᠤ ᠤᠷᠤᠨ ᠤ ᠤᠳᠠᠭᠠᠨ ᠴᠢᠨᠠᠷᠳᠠᠢ ᠡᠪᠡᠳᠴᠢᠨ ᠢ ᠶᠡᠷᠥᠩᠭᠡᠶᠢᠯᠡᠨ ᠰᠡᠷᠭᠡᠶᠢᠯᠡᠨ ᠬᠢᠵᠠᠭᠠᠷᠯᠠᠬᠤ ᠲᠠᠭᠤᠷᠢᠶᠠᠯ | ᠤᠷᠤᠨ ᠪᠤᠯᠤᠨ ᠡᠷᠡᠭᠦᠯ ᠡᠩᠭᠡ ᠶᠢᠨ ᠠᠵᠢᠯ ᠢ ᠠᠬᠢᠭᠤᠯᠤᠭᠰᠠᠨ ᠬᠤᠰᠢᠭᠤ ᠶᠢ ᠴᠤᠭᠴᠠᠯᠠᠵᠤ᠂ ᠪᠥᠭᠦ ᠤᠯᠤᠰ ᠤᠨ | ᠡᠷᠡᠭᠦᠯ ᠬᠠᠮᠠᠭᠠᠯᠠᠯ ᠤᠨ ᠰᠢᠶᠡᠨ ᠤ ᠬᠤᠳᠠ ᠶᠢᠨ ᠴᠤᠭᠴᠠᠯᠠᠯᠳᠠ ᠶᠢᠨ ᠥᠷ᠎ᠡ ᠪᠥᠳᠥᠭᠡᠯ ᠢ ᠪᠠᠬᠢᠵᠢᠭᠦᠯᠥᠨ᠎ᠡ᠃ | ᠰᠤᠶᠤᠯ ᠲᠠᠮᠢᠷ ᠢᠶᠠᠷ ᠠᠷᠠᠳ ᠢ ᠪᠤᠯᠪᠠᠰᠤᠷᠠᠭᠤᠯᠬᠤ ᠶᠢ ᠪᠠᠷᠢᠮᠳᠠᠯᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ | ᠥᠷᠳᠡᠭ ᠤᠨ ᠥᠵᠡᠯᠳᠡ ᠶᠢ ᠤᠯᠠᠮᠵᠢᠯᠠᠨ ᠪᠠᠳᠠᠷᠠᠭᠤᠯᠵᠤ᠂ ᠤᠯᠤᠰ ᠤᠨ ᠲᠡᠰ ᠤᠨ ᠲᠡᠷᠢᠭᠦᠨ ᠤ ᠰᠤᠶᠤᠯ ᠤᠨ | ᠲᠠᠭᠤᠷᠢᠶᠠᠯ ᠬᠤᠰᠢᠭᠤ ᠶᠢᠨ ᠴᠤᠭᠴᠠᠯᠠᠯᠳᠠ ᠶᠢ ᠲᠥᠷᠭᠡᠳᠭᠡᠵᠥ᠂ ᠶᠡᠷᠥᠩᠭᠡᠢ ᠱᠥᠵᠢ ᠰᠢ ᠶᠢᠨ ᠫᠢᠩ ᠤᠨ ᠨᠠᠶᠢᠳᠠᠯᠭ᠎ᠠ | ᠶᠢ ᠪᠠᠳᠤ ᠴᠡᠭᠡᠵᠢᠯᠡᠨ ᠤᠯᠠᠭᠠᠠᠮᠥ᠋ᠴᠢᠷ ᠤᠨ ᠥᠢᠯᠡᠰ ᠢ ᠴᠡᠴᠡᠭᠯᠡᠭᠦᠯᠵᠥ᠂ ᠭᠠᠵᠠᠷ ᠤᠷᠤᠨ ᠳᠤ ᠲᠤᠬᠢᠷᠠᠭᠰᠠᠨ | ᠨᠥᠯᠥᠭᠡᠯᠡᠯ ᠰᠠᠶᠢᠳᠠᠢ ᠰᠤᠶᠤᠯ ᠤᠨ ᠰᠤᠳᠤᠨ ᠪᠥᠳᠥᠭᠡᠯ ᠤᠳ ᠢ ᠲᠡᠪᠰᠢᠭᠦᠯᠭᠦ ᠶᠢ ᠵᠤᠷᠢᠭᠵᠢᠭᠤᠯᠵᠤ᠂ ᠥᠨᠳᠥᠰᠥᠳᠡᠨ | ᠤ ᠰᠤᠶᠤᠯ ᠢ ᠢᠳᠡᠪᠬᠢᠳᠡᠢ ᠭᠥᠭᠵᠢᠭᠦᠯᠥᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢ ᠠᠬᠢᠭᠤᠯᠵᠤ᠂ ᠡᠯ᠎ᠡ | ᠥᠨᠳᠥᠰᠥᠳᠡᠨ ᠤ ᠤᠶᠤᠨ ᠰᠠᠨᠠᠭᠠᠨ ᠤ ᠬᠠᠮᠳᠤ ᠶᠢᠨ ᠬᠡᠷ ᠤᠷᠤᠨ ᠢ ᠴᠤᠭᠴᠠᠯᠠᠨ᠎ᠠ᠃ ᠤᠯᠠᠨ ᠲᠥᠮᠡᠨ ᠤ ᠰᠤᠶᠤᠯ | ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠭᠦ ᠵᠢᠯ ᠳᠤ ︽ᠰᠤᠶᠤᠯ ᠢ ᠭᠥᠳᠡᠭᠡ ᠪᠠᠭᠤᠯᠭᠠᠬᠤ︾ ᠲᠤᠭᠯᠠᠯᠳᠠ ᠶᠢ | 300 ᠢᠯᠡᠭᠦᠥ ᠲᠠᠯᠠᠪᠠᠢ ᠭᠥᠷᠭᠡᠵᠥ᠂ ᠰᠤᠶᠤᠯ ᠤᠨ ᠰᠥᠯᠵᠢᠶᠡᠨ ᠲᠠᠪᠴᠠᠩ ᠤᠨ ᠪᠠᠶᠢᠭᠤᠯᠤᠯᠳᠠ ᠶᠢ ᠠᠬᠢᠭᠤᠯᠤᠨ᠂ | ᠠᠰᠢᠭᠳᠤ ᠡᠵᠡᠩᠨᠡᠯᠳᠡ ᠶᠢᠨ ᠪᠤᠰᠤ ᠠᠷᠠᠳ ᠤᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠭᠥᠭᠵᠢᠯ ᠪᠤᠵᠠᠭᠠᠶᠢᠷᠠᠯ | ᠢ ᠲᠡᠮᠵᠢᠵᠥ᠂ ᠠᠷᠠᠳ ᠤᠨ ᠰᠤᠶᠤᠯ ᠤᠷᠠᠯᠢᠭ ᠤᠨ ᠠᠵᠤ ᠥᠢᠯᠡᠰᠵᠢᠭᠰᠡᠨ ᠭᠥᠭᠵᠢᠯᠳᠡ ᠶᠢ ᠠᠬᠢᠭᠤᠯᠤᠨ᠎ᠠ᠃ ᠪᠥᠭᠦ | ᠠᠷᠠᠳ ᠤᠨ ᠪᠡᠶ᠎ᠡ ᠴᠢᠬᠢᠷᠠᠭᠵᠢᠭᠤᠯᠬᠤ ᠥᠢᠯᠡᠰ ᠢ ᠶᠡᠭᠡᠪᠡᠷ ᠭᠥᠭᠵᠢᠭᠦᠯᠥᠨ᠂ ᠡᠯ᠎ᠡ ᠲᠥᠷᠥᠯ ᠤᠨ ᠲᠡᠮᠢᠷ | ᠤᠷᠤᠯᠳᠤᠭᠠᠨ ᠢ ᠪᠠᠶᠢᠩᠭᠤ ᠵᠤᠬᠢᠶᠠᠨ ᠪᠠᠶᠢᠭᠤᠯᠵᠤ᠂ ᠺᠠᠳ᠋ᠷ ᠠᠵᠢᠯᠳᠠᠨ ᠪᠤᠯᠤᠨ ᠤᠯᠠᠨ ᠲᠥᠮᠡᠨ ᠤ ᠪᠡᠶ᠎ᠡ ᠮᠠᠬᠠᠨᠪᠤᠳ | ᠤᠨ ᠬᠡᠪ ᠴᠢᠨᠠᠷ ᠢ ᠲᠡᠭᠡᠭᠰᠢᠯᠡᠭᠦᠯᠥᠨ᠎ᠡ᠃ | ᠪᠠᠳᠤᠯᠠᠭ᠎ᠠ ᠪᠠᠷ ᠠᠷᠠᠳ ᠤᠯᠠᠨ ᠳᠤ ᠠᠰᠢᠭ ᠭᠥᠷᠳᠡᠭᠡᠭᠦ ᠶᠢ ᠪᠠᠷᠢᠮᠳᠠᠯᠠᠨ᠎ᠠ᠃ ᠠᠵᠢᠯ ᠣᠯᠣᠯᠳᠠ ᠶᠢᠨ ᠲᠦᠷᠦ | ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠣ᠂ ᠪᠠᠭ᠎ᠠ ᠲᠣᠭᠠᠨ ᠤ ᠳᠠᠭᠠᠭᠠᠯᠳᠠᠳᠤ ᠵᠢᠭᠡᠯᠡᠯᠭᠡ ᠶᠢ 800 | ᠲᠦᠮᠡᠨ ᠲᠦᠬᠦᠷᠢᠭ ᠳᠠᠯᠪᠢᠵᠤ᠂ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠨ ᠬᠦᠭᠵᠢᠯᠳᠠ ᠶᠢ ᠨᠢ ᠲᠦᠷᠬᠡᠤᠨᠬᠡᠵᠤ᠂ | ᠳᠤᠰ ᠵᠢᠯ ᠳᠤ ᠬᠤᠳᠠ ᠪᠠᠯᠭᠠᠰᠤᠨ ᠤ 950 ᠬᠦᠮᠤᠨ ᠳᠤ ᠠᠵᠢᠯ ᠤᠯᠭᠤᠵᠤ᠂ ᠠᠵᠢᠯ ᠲᠠᠢ ᠬᠦᠮᠤᠨ ᠦᠬᠡᠢ ᠬᠡᠷ | ᠪᠦᠯᠢ ᠶᠢ ᠤᠯᠠᠮ ᠴᠦᠬᠡᠤᠨᠬᠡᠨᠠ᠃ ᠪᠦᠬᠦ ᠠᠷᠠᠤᠨ ᠤᠨ ᠨᠠᠶᠢᠬᠡᠮ ᠤᠨ ᠳᠠᠭᠠᠤᠨᠬᠠᠯ ᠤᠨ ᠳᠠᠩᠰᠠᠯᠠᠯᠳᠠ ᠶᠢ | ᠬᠦᠨᠵᠡᠬᠡᠶᠢᠷᠡᠬᠦᠯᠵᠤ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢ ᠨᠡᠮᠡᠭᠳᠡᠬᠦᠯᠤᠨ ᠳᠤᠰᠪᠤᠷᠢ 611 ᠲᠦᠬᠦᠷᠢᠭ | ᠪᠠ 444 ᠲᠦᠬᠦᠷᠢᠭ ᠬᠦᠷᠬᠡᠵᠤ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠦᠨᠳᠤᠰᠤᠨ ᠨᠠᠰᠤᠵᠢᠯ ᠤᠨ | ᠮᠦᠩᠬᠦ ᠶᠢᠨ ᠬᠠᠮᠤᠭ ᠳᠤᠤᠷ᠎ᠠ ᠪᠠᠷᠢᠮᠵᠢᠶ᠎ᠠ ᠶᠢ 18 ᠲᠦᠬᠦᠷᠢᠭ ᠨᠡᠮᠡᠭᠳᠡᠬᠦᠯᠵᠤ᠂ ᠠᠵᠤ ᠠᠬᠤᠶᠢᠯᠠᠯ ᠪᠤᠯᠤᠨ ᠠᠯᠪᠠᠨ | ᠪᠠᠶᠢᠭᠤᠯᠭ᠎ᠠ ᠠᠵᠢᠯ ᠤᠶᠢᠯᠡᠰ ᠤᠨ ᠨᠢᠬᠡᠴᠠ ᠶᠢᠨ ᠠᠵᠢᠯ ᠠᠴᠠ ᠪᠠᠨ ᠠᠮᠠᠷᠠᠭᠰᠠᠤᠨ ᠤᠨ ᠦᠨᠳᠤᠰᠤᠨ ᠨᠠᠰᠤᠵᠢᠯ ᠤᠨ | ᠮᠦᠩᠬᠦ ᠶᠢ 5% ᠪᠠᠷ ᠨᠡᠮᠡᠭᠳᠡᠬᠦᠯᠤᠨ᠎ᠠ᠃ ᠨᠠᠶᠢᠬᠡᠮ ᠤᠨ ᠬᠦᠴᠤᠨ ᠤ ᠨᠠᠶᠢᠬᠡᠮ ᠤᠨ ᠠᠰᠠᠷᠠᠮᠵᠢ ᠶᠢᠨ ᠤᠶᠢᠯᠡᠰ ᠲᠤ | ᠤᠷᠤᠯᠴᠠᠬᠤ ᠶᠢ ᠵᠤᠷᠢᠭᠵᠢᠭᠤᠯᠤᠨ᠂ ᠪᠤᠷᠤᠪᠠᠯᠭᠠᠰᠤ ᠶᠢᠨ ᠨᠠᠰᠤᠳᠠᠶᠢᠴᠤᠤᠨ ᠢ ᠠᠰᠠᠷᠠᠬᠤ ᠬᠦᠷᠢᠶᠡᠯᠡᠩ ᠢ ᠪᠠᠶᠢᠭᠤᠯᠤᠨ | ᠂ ᠤᠳᠤᠭ ᠤᠨ ᠡᠮᠤᠨᠡᠳᠤ ᠬᠤᠰᠢᠭᠤᠨ ᠤ ᠤᠷᠤᠰᠢᠭᠤᠯᠭ᠎ᠠ ᠶᠢᠨ ᠬᠠᠮᠢᠶᠠᠷᠤᠯᠳᠠ ᠶᠢᠨ ᠭᠠᠵᠠᠷ ᠢ ᠪᠠᠶᠢᠭᠤᠯᠤᠨ᠎ᠠ᠃ | ᠶᠠᠳᠠᠭᠤ ᠬᠦᠴᠢᠷᠳᠠᠯᠳᠠᠢ ᠬᠦᠮᠤᠰ ᠢ ᠳᠤᠰᠠᠯᠠᠨ᠂ ᠡᠮᠡᠭᠳᠠᠶᠢᠴᠤᠤᠨ ᠬᠡᠤᠬᠡᠤᠨ ᠪᠠᠭᠠᠴᠤᠤᠨ᠂ ᠨᠠᠰᠤᠳᠠᠶᠢᠴᠤᠤᠨ᠂ | ᠵᠡᠮᠳᠡᠭᠴᠤᠤᠨ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠵᠤ᠂ ᠪᠠᠭᠤᠷᠠᠶᠢᠴᠤᠤᠯ ᠢ ᠬᠠᠯᠠᠮᠵᠢᠯᠠᠨ ᠳᠡᠮᠵᠢᠬᠦ ᠶᠢ | ᠪᠠᠳᠤᠯᠠᠨ᠎ᠠ᠃ | ᠵᠠᠰᠠᠯᠳᠠ ᠪᠠᠷ ᠠᠮᠤᠷ ᠳᠤᠭᠳᠠᠭᠤᠨ ᠢ ᠪᠠᠳᠤᠯᠠᠬᠤ ᠶᠢ ᠪᠠᠷᠢᠮᠳᠠᠯᠠᠨ᠎ᠠ᠃ ᠨᠠᠶᠢᠬᠡᠮ ᠤᠨ ᠠᠮᠤᠷ ᠳᠤᠭᠳᠠᠭᠤᠨ ᠢ | ᠬᠠᠮᠠᠭᠠᠯᠠᠬᠤ ᠬᠢᠨᠡᠨ ᠡᠵᠡᠮᠰᠢᠯ ᠤᠨ ᠰᠢᠰᠲ᠋ᠧᠮ ᠤᠨ ᠪᠠᠶᠢᠭᠤᠯᠤᠯᠳᠠ ᠶᠢ ᠳᠡᠬᠦᠯᠳᠡᠷᠵᠢᠬᠦᠯᠤᠨ᠂ ︽ᠬᠠᠷ᠎ᠠ ᠪᠦᠯᠦᠭᠳᠠᠨ | ᠬᠠᠷᠬᠢᠰ ᠬᠦᠴᠤᠨ ᠢ ᠠᠷᠢᠯᠭᠠᠬᠤ︾ ᠳᠤᠰᠬᠠᠢ ᠠᠵᠢᠯᠯᠠᠭ᠎ᠠ ᠶᠢ ᠬᠠᠤᠯᠢ ᠶᠤᠰᠤ ᠪᠠᠷ ᠶᠠᠪᠤᠭᠳᠠᠭᠤᠯᠵᠤ᠂ ᠬᠠᠤᠯᠢ | ᠵᠦᠷᠢᠴᠡᠭᠰᠡᠨ ᠡᠯ᠎ᠡ ᠲᠦᠷᠤᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠮᠤᠷ ᠠᠮᠤᠭᠤᠯᠠᠩ | ᠡᠮᠤᠨᠡᠳᠤ ᠤᠳᠤᠭ ᠤᠨ ᠪᠠᠶᠢᠭᠤᠯᠤᠯᠳᠠ ᠶᠢ ᠬᠦᠨᠵᠡᠬᠡᠶᠢᠷᠡᠬᠦᠯᠤᠨ᠂ ᠪᠦᠬᠦ ᠤᠷᠤᠨ ᠤ ᠨᠠᠶᠢᠬᠡᠮ ᠤᠨ ᠵᠠᠰᠠᠯᠳᠠ ᠶᠢᠨ | ᠰᠢᠨᠠᠴᠢᠯᠠᠯ ᠤᠨ ᠳᠠᠭᠤᠷᠢᠶᠠᠯ ᠬᠤᠰᠢᠭᠤ ᠶᠢ ᠴᠤᠭᠴᠠᠯᠠᠨ᠎ᠠ᠃ ᠠᠶᠤᠯᠬᠦᠢ ᠤᠶᠢᠯᠡᠤᠨᠪᠤᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠤᠭᠤᠭ ᠤᠨ ᠪᠠᠶᠢᠴᠠᠭᠠᠯᠳᠠ | ᠴᠡᠭᠴᠡᠯᠠᠯᠳᠠ ᠶᠢ ᠯᠠᠪᠳᠠᠭᠤᠨ ᠪᠠᠳᠤᠳᠠᠢ ᠶᠠᠪᠤᠭᠳᠠᠭᠤᠯᠵᠤ᠂ ᠠᠶᠤᠯᠬᠦᠢ ᠤᠶᠢᠯᠡᠤᠨᠪᠤᠷᠢᠯᠡᠯ ᠤᠨ ᠬᠦᠨᠳᠤ ᠨᠤᠴᠢᠳᠠᠢ | ᠠᠳᠡᠭᠳᠡᠯ ᠡᠬᠦᠰᠬᠦ ᠶᠢ ᠡᠷᠡᠰ ᠳᠡᠪᠴᠢᠨ᠎ᠠ᠃ ᠬᠤᠰᠢᠭᠤ᠂ ᠪᠠᠯᠭᠠᠰᠤ᠂ ᠭᠠᠴᠠᠭ᠎ᠠ ᠭᠤᠷᠪᠠᠨ ᠱᠠᠳᠤᠨ ᠤ ᠢᠳᠡᠬᠡᠨ ᠡᠮ | ᠤᠨ ᠵᠦᠢᠯᠡᠰ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠳᠤᠤᠷ ᠢ ᠳᠡᠬᠦᠯᠳᠡᠷᠵᠢᠬᠦᠯᠤᠨ᠂ ᠬᠠᠤᠯᠢ | ᠬᠡᠷᠡᠭᠵᠢᠬᠦᠯᠤᠨ ᠳᠤᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠤᠨᠬᠠᠵᠤ᠂ ᠤᠯᠠᠨ ᠲᠦᠮᠡᠨ ᠤ ᠢᠳᠡᠬᠡᠨ | ᠤᠮᠳᠠᠭᠠᠨ ᠡᠮ ᠤᠨ ᠬᠡᠷᠡᠭᠯᠡᠬᠡᠨ ᠤ ᠠᠮᠤᠷ ᠲᠦᠪᠰᠢᠨ ᠢ ᠪᠠᠳᠤᠯᠠᠨ᠎ᠠ᠃ ᠡᠷᠤᠬᠡ ᠶᠢᠨ ᠴᠡᠷᠢᠭ ᠢ ᠴᠡᠭᠴᠡᠯᠡᠨ | ᠳᠤᠬᠢᠷᠠᠭᠤᠯᠬᠤ ᠦᠬᠡᠷᠡᠴᠢᠯᠠᠯᠳᠠ ᠶᠢ ᠳᠡᠮᠵᠢᠵᠤ᠂ ᠴᠡᠷᠢᠭ ᠠᠷᠠᠤᠨ ᠤᠨ ᠬᠠᠮᠳᠤ ᠶᠢᠨ ᠬᠦᠭᠵᠢᠯᠳᠠ ᠶᠢ ᠪᠦᠬᠦ ᠳᠠᠯ᠎ᠠ | ᠪᠠᠷ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠤᠨᠪᠤᠷᠢᠯᠡᠬᠦ ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠵᠠᠬᠢᠳᠠᠯ | ᠰᠤᠷᠪᠤᠯᠵᠢᠯᠠᠭ᠎ᠠ ᠳᠤᠭᠳᠠᠭᠤᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠮᠤᠷ ᠳᠤᠭᠳᠠᠭᠤᠨ ᠪᠤᠰᠤ ᠠᠰᠠᠭᠤᠳᠠᠯ ᠢ ᠦᠷᠬᠦᠯᠵᠢᠯᠡᠨ ᠪᠠᠶᠢᠴᠠᠭᠠᠨ ᠰᠢᠢᠤᠨᠪᠤᠷᠢᠯᠡᠵᠤ᠂ | ᠨᠠᠶᠢᠬᠡᠮ ᠤᠨ ᠪᠦᠬᠦ ᠳᠠᠯ᠎ᠠ ᠶᠢᠨ ᠠᠮᠤᠷ ᠳᠤᠭᠳᠠᠭᠤᠨ ᠡᠶ᠎ᠡ ᠵᠤᠬᠢᠴᠠᠯ ᠢ ᠪᠠᠳᠤᠯᠠᠨ᠎ᠠ᠃ | ᠭᠤᠷᠪᠠ᠂ ᠵᠠᠰᠠᠭ ᠤᠨ ᠤᠷᠳᠤᠨ ᠤ ᠳᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠤᠨᠬᠠᠨ᠎ᠠ | ᠲᠦᠯᠤᠬᠡᠯᠡᠭᠴᠢᠤᠨ ᠡ᠂ ᠰᠢᠨ᠎ᠠ ᠴᠠᠭ ᠦᠶ᠎ᠡ ᠶᠢᠨ ᠰᠢᠨ᠎ᠠ ᠠᠶᠠᠨ ᠡᠬᠢᠯᠡᠵᠤ᠂ ᠰᠢᠨ᠎ᠠ ᠬᠠᠷᠢᠭᠤᠴᠠᠯᠭ᠎ᠠ ᠪᠠᠷ | ᠢᠶᠠᠨ ᠰᠢᠨ᠎ᠠ ᠠᠮᠵᠢᠯᠳᠠ ᠡᠬᠦᠳᠤᠨ᠎ᠠ᠃ ᠪᠢᠳᠠ ᠬᠦᠭᠵᠢᠯᠳᠠ ᠶᠢᠨ ᠬᠠᠷᠢᠭᠤᠴᠠᠯᠭ᠎ᠠ ᠪᠠᠨ ᠡᠬᠦᠷᠬᠡᠯᠡᠨ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠴᠢᠬᠤᠯᠠᠴᠢᠯᠠᠵᠤ᠂ ᠴᠦᠬᠦᠷᠡᠰᠢ ᠦᠬᠡᠢ ᠵᠤᠷᠢᠭ ᠰᠠᠨᠠᠭ᠎ᠠ ᠪᠠᠷ ᠬᠦᠭᠵᠢᠯᠳᠠ ᠶᠢ | ᠠᠬᠢᠭᠤᠯᠤᠨ᠂ ᠨᠠᠶᠢᠳᠠᠪᠤᠷᠢᠵᠢᠭᠤᠯᠤᠯᠳᠠ ᠶᠢ ᠡᠷᠴᠢ ᠬᠦᠴᠤᠨ ᠲᠠᠢ ᠠᠤᠨᠬᠤᠵᠤ᠂ ᠵᠠᠰᠠᠭ ᠤᠨ ᠤᠷᠳᠤᠨ ᠤ ᠠᠵᠢᠯ | ᠤᠨ ᠰᠢᠨ᠎ᠠ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠨ᠎ᠠ᠃ | ᠤᠯᠤᠰ ᠲᠦᠷᠤ ᠶᠢᠨ ᠤᠬᠠᠮᠰᠠᠷ ᠪᠠᠨ ᠴᠢᠩᠭᠠᠤᠨᠬᠠᠵᠤ᠂ ᠬᠦᠢᠴᠡᠤᠨᠬᠡᠬᠦ ᠴᠢᠳᠠᠮᠵᠢ ᠪᠠᠨ ᠳᠡᠬᠡᠭᠰᠢᠯᠡᠬᠦᠯᠤᠨ᠎ᠠ᠃ | ᠤᠯᠤᠰ ᠲᠦᠷᠤ ᠶᠢᠨ ᠪᠠᠶᠢᠭᠤᠯᠤᠯᠳᠠ ᠶᠢ ᠢᠮᠠᠭᠳᠠ ᠳᠡᠷᠢᠬᠦᠨ ᠪᠠᠶᠢᠷᠢᠨ ᠳᠤ ᠳᠠᠯᠪᠢᠵᠤ᠂ ︽ᠠᠩᠬᠠᠨ ᠤ ᠵᠤᠷᠢᠯᠳᠠ | ᠪᠠᠨ ᠮᠠᠷᠳᠠᠯ ᠦᠬᠡᠢ᠂ ᠳᠠᠷᠬᠠᠨ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠤᠵᠢᠯ ᠢ | ᠦᠷᠨᠢᠬᠦᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ | ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠬᠦᠨᠵᠡᠬᠡᠢ ᠰᠤᠷᠤᠯᠴᠠᠨ ᠳᠤᠤᠱᠯᠠᠭᠤᠯᠵᠤ᠂ ︽ᠲᠦᠷᠪᠡᠨ ᠤᠬᠠᠮᠰᠠᠷ︾ ᠢ ᠪᠠᠳᠤ ᠱᠤᠭᠤᠨ᠂ ᠨᠠᠮ ᠤᠨ ᠲᠦᠪ | ᠬᠤᠷᠢᠶᠠᠨ ᠤ ᠬᠠᠷᠢᠴᠠᠯᠠᠰᠢ ᠦᠬᠡᠢ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠡᠷᠡᠰ | ᠬᠦᠷᠢᠶᠡᠯᠡᠵᠤ᠂ ᠨᠠᠮ ᠤᠨ ᠤᠨᠤᠯ ᠱᠤᠭᠤᠮ ᠪᠤᠯᠤᠨ ᠴᠢᠭᠯᠡᠯᠳᠠ ᠲᠦᠷᠤ ᠶᠢᠨ ᠪᠤᠳᠤᠯᠭ᠎ᠠ ᠶᠢ ᠡᠷᠡᠰ ᠬᠡᠷᠡᠭᠵᠢᠬᠦᠯᠵᠤ᠂ | ᠳᠡᠬᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠠᠵᠢᠯ ᠤᠨ | ᠪᠠᠶᠢᠷᠢᠯᠠᠭᠤᠯᠤᠯᠳᠠ ᠶᠢ ᠡᠷᠡᠰ ᠳᠤᠤᠱᠯᠠᠭᠤᠯᠵᠤ᠂ ᠤᠯᠤᠰ ᠲᠦᠷᠤ ᠶᠢᠨ ᠬᠦᠢᠴᠡᠤᠨᠬᠡᠬᠦ ᠴᠢᠳᠠᠮᠵᠢ ᠪᠠᠨ ᠪᠦᠬᠦ ᠳᠠᠯ᠎ᠠ | ᠪᠠᠷ ᠳᠡᠬᠡᠭᠰᠢᠯᠡᠬᠦᠯᠤᠨ᠎ᠠ᠃ | ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠤᠨᠬᠠᠵᠤ᠂ ᠨᠠᠶᠢᠳᠠ ᠶᠢᠨ ᠢᠳᠡᠬᠡᠮᠵᠢ ᠪᠠᠨ ᠳᠡᠬᠡᠭᠰᠢᠯᠡᠬᠦᠯᠤᠨ᠎ᠠ᠃ | ᠬᠠᠤᠯᠢ ᠪᠠᠷ ᠵᠠᠰᠠᠬᠤ ᠢᠳᠡᠬᠡᠯ᠂ ᠬᠠᠤᠯᠢ ᠪᠠᠷ ᠵᠠᠰᠠᠬᠤ ᠰᠠᠤᠨᠬᠢᠬᠦᠢ ᠶᠢ ᠵᠠᠰᠠᠭ ᠤᠨ ᠤᠷᠳᠤᠨ ᠤ ᠠᠵᠢᠯ ᠤᠨ ᠪᠦᠬᠦ | ᠶᠠᠪᠤᠴᠠ᠂ ᠡᠯ᠎ᠡ ᠳᠠᠯ᠎ᠠ ᠳᠤ ᠳᠤᠤᠱᠯᠠᠭᠤᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ᠂ ᠡᠬᠦᠷᠬᠡ ᠳᠤᠰᠢᠶᠠᠯ᠂ | ᠡᠷᠬᠡ ᠶᠢᠨ ᠬᠢᠵᠠᠭᠠᠷᠯᠠᠯ᠂ ᠡᠮᠬᠢ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢᠵᠢᠯ ᠢ ᠠᠬᠢᠭᠤᠯᠵᠤ᠂ ᠵᠠᠰᠠᠭ ᠤᠨ | ᠤᠷᠳᠤᠨ ᠤ ᠠᠵᠢᠯ ᠡᠷᠬᠡ ᠶᠢᠨ ᠲᠦᠷᠢᠮᠵᠢᠯ᠂ ᠵᠠᠰᠠᠭ ᠵᠠᠬᠢᠷᠭᠠᠨ ᠤ ᠤᠶᠢᠯᠡᠴᠢᠯᠡᠬᠡᠨ ᠤ ᠪᠠᠷᠢᠮᠵᠢᠶᠠᠵᠢᠯ᠂ ᠵᠠᠰᠠᠭ ᠤᠨ | ᠶᠠᠪᠤᠳᠠᠯ ᠤᠨ ᠢᠯᠡᠰᠢᠬᠦᠯᠤᠯᠳᠠ ᠶᠢᠨ ᠪᠠᠶᠢᠩᠭᠤᠵᠢᠯ ᠢ ᠠᠬᠢᠭᠤᠯᠵᠤ᠂ ᠠᠷᠠᠤᠨ ᠤᠨ ᠲᠦᠯᠤᠬᠡᠯᠡᠭᠴᠢᠤᠨ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠶᠤᠰᠤᠨ ᠤ ᠬᠢᠨᠠᠯᠳᠠ᠂ ᠤᠯᠤᠰ ᠲᠦᠷᠤ ᠶᠢᠨ ᠵᠦᠪᠯᠡᠯᠬᠡᠨ ᠤ | ᠠᠷᠠᠤᠨᠴᠢᠯᠠᠯ ᠤᠨ ᠬᠢᠨᠠᠯᠳᠠ ᠪᠤᠯᠤᠨ ᠬᠢᠨᠠᠨ ᠪᠠᠶᠢᠴᠠᠭᠠᠬᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠵᠠᠰᠠᠭ | ᠤᠨ ᠤᠷᠳᠤᠨ ᠤ ᠳᠤᠳᠤᠭᠠᠳᠤ ᠶᠢᠨ ᠳᠠᠪᠬᠤᠷᠭ᠎ᠠ ᠳᠡᠰ ᠤᠨ ᠬᠢᠨᠠᠯᠳᠠ ᠪᠤᠯᠤᠨ ᠬᠢᠨᠠᠨ ᠪᠤᠳᠤᠬᠤ ᠬᠢᠨᠠᠯᠳᠠ ᠶᠢ | ᠴᠢᠩᠭᠠᠤᠨᠬᠠᠨ᠂ ᠨᠠᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠰᠠᠨᠠᠭᠠᠴᠢᠯᠠᠭ᠎ᠠ ᠲᠠᠢ ᠬᠦᠯᠢᠶᠡᠵᠤ᠂ ᠠᠷᠠᠤᠨ ᠤᠨ | ᠲᠦᠯᠤᠬᠡᠯᠡᠭᠴᠢᠤᠨ ᠤᠨ ᠵᠦᠪᠯᠡᠯᠬᠡ᠂ ᠰᠠᠨᠠᠭᠤᠯᠭ᠎ᠠ ᠪᠤᠯᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠤᠨ | ᠳᠤᠷᠠᠳᠤᠯᠭ᠎ᠠ ᠶᠢ ᠬᠦᠢᠴᠡᠤᠨᠬᠡᠬᠦ ᠴᠢᠨᠠᠷᠵᠢᠯ ᠪᠤᠯᠤᠨ ᠨᠠᠶᠢᠳᠠᠪᠤᠷᠢᠵᠢᠭᠤᠯᠬᠤ ᠦᠷ᠎ᠠ ᠠᠰᠢᠭ ᠢ ᠳᠡᠬᠡᠭᠰᠢᠯᠡᠬᠦᠯᠤᠨ᠎ᠠ᠃ | ᠡᠩᠨᠡᠭᠡᠨ ᠤ ᠣᠬᠠᠮᠰᠠᠷ ᠢᠶᠠᠨ ᠴᠢᠩᠭᠠᠳᠬᠠᠵᠣ᠂ ᠬᠠᠮᠳᠣᠷᠠᠨ ᠠᠵᠢᠯᠯᠠᠬᠤ ᠬᠦᠴᠦᠨ ᠢᠶᠠᠨ ᠲᠡᠭᠡᠭᠰᠢᠯᠡᠭᠦᠯᠦᠨ᠎ᠡ᠃ | ᠬᠠᠮᠳᠣᠷᠠᠨ ᠠᠵᠢᠯᠯᠠᠬᠤ ᠬᠦᠴᠦᠨ ᠲᠠᠢ ᠵᠠᠰᠠᠭ ᠤᠨ ᠣᠷᠳᠣᠨ ᠤ ᠠᠵᠢᠯ ᠤᠨ ᠡᠩᠨᠡᠭᠡ ᠶᠢ ᠪᠦᠷᠢᠯᠳᠦᠭᠦᠯᠵᠣ᠂ ᠵᠠᠰᠠᠭ | ᠤᠨ ᠣᠷᠳᠣᠨ ᠤ ᠪᠠᠭ ᠤᠨ ᠪᠦᠷᠢᠯᠳᠦᠭᠦᠨ ᠵᠢᠱᠢᠶ᠎ᠡ ᠲᠠᠭᠤᠷᠢᠶᠠᠯ ᠪᠣᠯᠵᠣ᠂ ᠪᠡᠶ᠎ᠡ ᠪᠠᠷ ᠢᠶᠠᠨ ᠲᠥᠷᠥᠭᠦᠯᠡᠨ ᠬᠡᠪ | ᠰᠣᠷᠳᠠᠯ ᠢᠶᠠᠨ ᠰᠠᠶᠢᠵᠢᠷᠠᠭᠤᠯᠣᠨ ᠦᠨᠳᠦᠰᠦᠨ ᠱᠠᠳᠣᠨ ᠳᠤ ᠭᠦᠨᠵᠡᠭᠡᠶᠢᠷᠡᠨ᠂ ᠣᠯᠠᠨ ᠲᠦᠮᠡᠨ ᠲᠠᠢ ᠬᠠᠷᠢᠯᠴᠠᠨ | ᠠᠰᠠᠭᠤᠳᠠᠯ ᠢ ᠰᠢᠢᠳᠪᠦᠷᠢᠯᠡᠵᠣ᠂ ᠵᠠᠰᠠᠭ ᠶᠠᠪᠣᠭᠤᠯᠬᠤ ᠠᠷᠭ᠎ᠠ ᠠᠪᠴᠠᠯ ᠢ ᠪᠣᠳᠠᠳᠦ ᠪᠠᠶᠢᠳᠠᠯ᠂ ᠠᠷᠠᠳ ᠤᠨ ᠬᠦᠰᠡᠯ | ᠲᠠᠢ ᠣᠯᠠᠮ ᠨᠡᠶᠢᠴᠡᠭᠦᠯᠵᠣ᠂ ᠠᠷᠠᠳ ᠤᠨ ᠠᠮᠢᠳᠣᠷᠠᠯ ᠢ ᠬᠠᠷᠠᠭᠠᠯᠵᠠᠨ᠎ᠠ᠃ ᠬᠦᠮᠦᠨ ᠪᠦᠬᠦᠨ ᠬᠠᠷᠢᠭᠤᠴᠠᠬᠤ᠂ | ᠲᠠᠪᠬᠤᠷᠭ᠎ᠠ ᠪᠣᠯᠭᠠᠨ ᠬᠠᠷᠢᠭᠤᠴᠠᠬᠤ᠂ ᠭᠤᠭᠴᠤᠭ᠎ᠠ ᠪᠦᠷᠢ ᠠᠪᠴᠠᠯᠳᠣᠬᠤ ᠠᠵᠢᠯ ᠤᠨ ᠬᠠᠷᠢᠭᠤᠴᠠᠯᠭ᠎ᠠ ᠶᠢ | ᠲᠡᠭᠦᠯᠳᠡᠷᠵᠢᠭᠦᠯᠦᠨ᠂ ᠭᠤᠣᠯ ᠴᠣᠭᠴᠠ ᠤᠨ ᠬᠤᠭᠤᠷᠣᠨᠳᠦᠭᠢ᠂ ᠰᠠᠯᠠᠭ᠎ᠠ ᠮᠦᠴᠢᠷ ᠤᠨ ᠬᠤᠭᠤᠷᠣᠨᠳᠦᠭᠢ | ᠰᠠᠨᠠᠭᠠᠴᠢᠯᠭ᠎ᠠ ᠲᠠᠢ ᠬᠠᠮᠵᠢᠯᠴᠠᠭ᠎ᠠ ᠶᠢ ᠪᠦᠷᠢᠯᠳᠦᠭᠦᠯᠦᠨ᠂ ᠺᠠᠳ᠋ᠷᠴᠣᠳ ᠬᠤᠭᠤᠷᠣᠨᠳᠦ ᠪᠠᠨ ᠬᠠᠪᠰᠤᠷᠤᠯᠴᠠᠨ ᠲᠡᠮᠵᠢᠬᠦ | ᠠᠵᠢᠯ ᠤᠨ ᠪᠠᠶᠢᠳᠠᠯ ᠢ ᠪᠦᠷᠢᠯᠳᠦᠭᠦᠯᠦᠨ᠎ᠡ᠃ | ᠠᠷᠢᠭᠤᠨ ᠴᠢᠭᠡᠴᠢ ᠶᠢᠨ ᠣᠬᠠᠮᠰᠠᠷ ᠢᠶᠠᠨ ᠲᠡᠭᠡᠭᠰᠢᠯᠡᠭᠦᠯᠵᠣ᠂ ᠬᠢᠵᠠᠭᠠᠷᠯᠠᠯ ᠤᠨ ᠬᠦᠴᠦᠨ ᠢ ᠨᠡᠮᠡᠭᠳᠡᠭᠦᠯᠦᠨ᠎ᠡ᠃ | ︽ᠨᠢᠭᠡ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠦᠷᠢᠵᠢᠭᠤᠯᠵᠣ᠂ ᠴᠢᠬᠤᠯᠠ ᠶᠡᠭᠡ ᠢᠨᠵᠧᠨᠧᠷᠢᠩ᠂ | ᠭᠤᠣᠯᠳᠠᠯᠭᠠᠳᠦ ᠲᠦᠷᠦᠯ ᠵᠣᠶᠢᠯ᠂ ᠪᠡᠯᠡ ᠮᠦᠩᠭᠦ ᠣᠯᠭᠤᠬᠤ᠂ ᠲᠠᠭᠠᠭᠠᠴᠢᠯᠠᠯᠳᠠ ᠵᠠᠷᠯᠠᠨ ᠬᠦᠯᠢᠶᠡᠬᠦ ᠵᠡᠷᠭᠡ | ᠭᠤᠣᠯᠳᠠᠯᠭᠠᠳᠦ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠳᠠ ᠪᠠᠶᠢᠴᠠᠭᠠᠯᠳᠠ ᠶᠢ | ᠴᠢᠩᠭᠠᠳᠬᠠᠵᠣ᠂ ᠲᠦᠷᠢᠮ ᠢᠶᠠᠷ ᠬᠠᠮᠢᠶᠠᠷᠬᠤ ᠶᠢ ᠴᠢᠩᠭᠠᠳᠬᠠᠵᠣ᠂ ᠪᠡᠯᠡ ᠮᠦᠩᠭᠦ᠂ ᠲᠦᠷᠦᠯ ᠵᠣᠶᠢᠯ᠂ ᠺᠠᠳ᠋ᠷᠴᠣᠳ | ᠤᠨ ᠠᠮᠣᠷ ᠲᠦᠪᠰᠢᠨ ᠢ ᠪᠠᠳᠣᠯᠠᠨ᠎ᠠ᠃ ᠲᠦᠪ ᠤᠨ ᠨᠠᠢᠮᠠᠨ ᠲᠣᠭᠳᠠᠭᠠᠯ ᠪᠣᠯᠣᠨ ᠬᠡᠷᠡᠭᠵᠢᠭᠦᠯᠬᠦ ᠨᠠᠷᠢᠨ ᠲᠦᠷᠢᠮ ᠢ | ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠲᠦᠷᠦᠭᠦᠯᠡᠨ᠂ ᠭᠠᠮᠨᠠᠨ ᠠᠷᠪᠢᠯᠠᠵᠣ ᠡᠩ ᠤᠨ | ᠵᠠᠷᠣᠯᠭ᠎ᠠ ᠶᠢ ᠪᠠᠭᠠᠰᠬᠠᠵᠣ᠂ ᠠᠷᠠᠳ ᠲᠦᠮᠡᠨ ᠤ ᠠᠰᠢᠭ ᠲᠣᠰᠠ ᠶᠢ ᠬᠤᠬᠢᠷᠠᠭᠤᠯᠣᠭᠰᠠᠨ ᠲᠦᠪ ᠪᠣᠰᠣ ᠰᠣᠷᠳᠠᠯ ᠢ | ᠡᠷᠡᠰ ᠰᠢᠭᠤᠷᠬᠠᠢ ᠵᠠᠯᠠᠷᠠᠭᠤᠯᠣᠨ᠂ ᠬᠤᠷᠢᠭᠠᠳᠤ ᠣᠷᠣᠨ ᠦᠭᠡᠢ ᠪᠠᠷ ᠪᠦᠬᠦᠨ ᠢ ᠬᠠᠮᠤᠷᠤᠨ ᠦᠴᠦᠭᠡᠨ ᠴᠣ᠋ | ᠠᠭᠤᠴᠢᠯᠠᠬᠤ ᠦᠭᠡᠢ ᠪᠠᠷ ᠢᠯᠵᠢᠷᠠᠯ ᠢ ᠵᠠᠯᠬᠠᠭᠠᠬᠤ ᠶᠢ ᠪᠠᠷᠢᠮᠳᠠᠯᠠᠵᠣ᠂ ᠺᠠᠳ᠋ᠷᠴᠣᠳ ᠠᠷᠢᠭᠤᠨ ᠴᠢᠭᠡᠴᠢ᠂ ᠵᠠᠰᠠᠭ ᠤᠨ | ᠣᠷᠳᠣᠨ ᠲᠦᠪ ᠴᠢᠭᠡᠴᠢ ᠪᠠᠶᠢᠬᠤ ᠶᠢ ᠪᠠᠳᠣᠯᠠᠨ᠎ᠠ᠃ | ᠲᠦᠯᠦᠭᠡᠯᠡᠭᠴᠢᠳ ᠡ᠂ ᠦᠨᠦᠳᠦᠷ ᠤᠨ ᠣᠳᠤᠭ ᠤᠨ ᠡᠮᠦᠨᠡᠳᠦ ᠬᠤᠰᠢᠭᠤᠨ ᠳᠤ ᠠᠰᠢᠭ ᠳᠤᠬᠢᠶᠠᠯ᠂ ᠠᠵᠠ | ᠵᠠᠪᠰᠢᠶᠠᠨ᠂ ᠠᠷᠠᠤᠨ ᠤᠨ ᠰᠡᠤᠨᠬᠢᠯ ᠤᠨ ᠨᠦᠬᠦᠴᠡᠯ ᠪᠦᠷᠢᠯᠳᠤᠵᠤ᠂ ᠢᠳᠡᠬᠡᠯ ᠵᠤᠷᠢᠭ᠂ ᠡᠪ ᠨᠢᠭᠳᠠᠷᠠᠯ᠂ ᠡᠷᠴᠢ | ᠭᠥᠴᠥᠨ ᠤ ᠬᠤᠷᠠᠮᠳᠤᠯ ᠪᠦᠷᠢᠳᠦᠭᠰᠡᠨ ᠪᠠᠶᠢᠨ᠎ᠠ᠃ ᠪᠢᠳᠠ ᠠᠷᠠᠤᠨ ᠲᠦᠮᠡᠨ ᠤ ᠢᠳᠡᠬᠡᠯ ᠨᠠᠶᠢᠳᠠᠯᠭ᠎ᠠ᠂ ᠡᠷᠢᠨ ᠴᠠᠭ | ᠤᠨ ᠰᠤᠩᠭᠤᠯᠳᠠ ᠶᠢ ᠬᠦᠰᠡᠷᠳᠡᠬᠦᠯᠤᠯ ᠦᠬᠡᠢ ᠪᠠᠷ ᠬᠤᠰᠢᠭᠤ ᠨᠠᠮ ᠤᠨ ᠬᠤᠷᠢᠶᠠᠨ ᠤ ᠡᠷᠴᠢᠳᠤ ᠤᠳᠤᠷᠢᠳᠤᠯᠭ᠎ᠠ | ᠳᠤᠤᠷ᠎ᠠ ᠠᠩᠬᠠᠨ ᠤ ᠵᠤᠷᠢᠯᠳᠠ ᠪᠠᠨ ᠮᠠᠷᠳᠠᠯ ᠦᠬᠡᠢ ᠳᠠᠷᠬᠠᠨ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ᠂ ᠰᠢᠷᠭᠠᠭᠤ | ᠪᠤᠳᠠᠳᠠᠢ ᠠᠵᠢᠯᠯᠠᠨ᠂ ᠰᠢᠢᠤᠨᠪᠤᠷᠢᠳᠤ ᠢᠯᠠᠯᠳᠠ ᠶᠢ ᠲᠡᠮᠡᠴᠡᠵᠥ᠂ ᠡᠩ ᠳᠡᠷᠢᠬᠦᠨ ᠳᠤ ᠴᠢᠨᠡᠬᠡᠯᠢᠭ ᠨᠠᠶᠢᠬᠡᠮ ᠢ ᠪᠦᠬᠦ | ᠳᠠᠯ᠎ᠠ ᠪᠠᠷ ᠪᠠᠶᠢᠭᠤᠯᠬᠤ ᠪᠠᠷ ᠴᠦᠬᠦᠷᠡᠰᠢ ᠦᠬᠡᠢ ᠴᠢᠷᠮᠠᠶᠢᠰᠤᠭᠠᠢ︕ | | | ᠨᠡᠷᠡᠰ ᠤᠨ ᠲᠠᠶᠢᠯᠪᠤᠷᠢ | 1. ︽ᠲᠡᠰ ᠴᠢᠨᠠᠷᠳᠤ ᠮᠠᠯ ᠲᠠᠷᠢᠶᠠᠯᠠᠩ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ᠂ ᠪᠤᠯᠪᠠᠰᠤᠷᠠᠯ | ᠰᠠᠶᠢᠳᠠᠢ ᠮᠠᠯᠴᠢᠨ ᠲᠠᠷᠢᠶᠠᠴᠢᠳ︾᠄ ᠬᠤᠰᠢᠭᠤ ᠨᠠᠮ ᠤᠨ ᠬᠤᠷᠢᠶ᠎ᠠ ᠶᠢᠨ ᠶᠢᠰᠥᠳᠥᠭᠡᠷ ᠬᠤᠭᠤᠴᠠᠭᠠᠨ ᠤ | ᠭᠤᠷᠪᠠᠳᠤᠭᠠᠷ ᠪᠥᠭᠦᠳᠡ ᠬᠤᠷᠠᠯᠳᠤᠭᠠᠨ ᠠᠩᠬ᠎ᠠ ᠲᠤᠷᠠᠳᠴᠤ ᠭᠠᠷᠭᠠᠭᠰᠠᠨ ᠪᠤᠳᠤᠯᠭ᠎ᠠ᠃ ᠮᠠᠨ ᠤ ᠬᠤᠰᠢᠭᠤ ︽ᠮᠠᠯ | ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠳ︾ ᠤᠨ ᠠᠰᠠᠭᠤᠳᠠᠯ ᠳᠤ ᠴᠢᠭᠯᠡᠭᠦᠯᠥᠨ᠂ | ᠲᠡᠰ ᠴᠢᠨᠠᠷᠳᠤ ᠮᠠᠯ ᠲᠠᠷᠢᠶᠠᠯᠠᠩ ᠤᠨ ᠥᠢᠯᠡᠰ ᠢ ᠴᠤᠭᠴᠠᠯᠠᠵᠤ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ ᠢ | ᠪᠠᠶᠢᠭᠤᠯᠤᠨ᠂ ᠮᠠᠯᠴᠢᠨ ᠲᠠᠷᠢᠶᠠᠴᠢᠳ ᠢ ᠪᠤᠯᠪᠠᠰᠤᠷᠠᠯ ᠮᠡᠷᠭᠡᠵᠢᠯ ᠰᠠᠶᠢᠳᠠᠢ ᠪᠤᠯᠭᠠᠵᠤ᠂ ᠮᠠᠯ ᠲᠠᠷᠢᠶᠠᠯᠠᠩ ᠤᠨ ᠥᠢᠯᠡᠰ | ᠤᠨ ᠲᠤᠳᠤᠭᠠᠳᠤ ᠠᠮᠢᠵᠢᠷᠠᠯ ᠤᠨ ᠭᠥᠴᠥᠨ ᠢ ᠢᠳᠡᠪᠬᠢᠯᠡᠭᠦᠯᠤᠨ᠂ ᠮᠠᠯᠵᠢᠬᠤ ᠲᠠᠷᠢᠶᠠᠯᠠᠬᠤ ᠤᠷᠤᠨ ᠤ ᠭᠥᠭᠵᠢᠯᠳᠡ | ᠶᠢ ᠲᠥᠷᠭᠡᠳᠭᠡᠵᠥ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠥ ᠴᠢᠨᠡᠭᠡᠯᠢᠭᠵᠢᠭᠦᠯᠤᠨ᠂ ᠭᠥᠳᠡᠭᠡ | ᠨᠤᠳᠤᠭ ᠢ ᠭᠥᠴᠥᠷᠭᠡᠭᠵᠢᠭᠦᠯᠭᠦ ᠵᠤᠷᠢᠯᠭ᠎ᠠ ᠲᠠᠢ ᠪᠤᠳᠤᠯᠭ᠎ᠠ ᠶᠤᠮ᠃ | 2. ︽ᠵᠢᠷᠭᠤᠭᠠᠨ ᠲᠠᠪᠬᠤᠷ ᠲᠤᠤᠷ︾᠄ ᠬᠤᠰᠢᠭᠤ ᠶᠢᠰᠥᠳᠥᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠢᠶᠠᠷ᠂ ᠪᠥᠭᠦ ᠭᠥᠴᠥᠨ ᠢᠶᠠᠷ ᠠᠷᠠᠳ ᠤᠨ | ᠠᠮᠢᠳᠤᠷᠠᠯ ᠢ ᠬᠠᠷᠠᠭᠠᠯᠵᠠᠬᠤ ᠵᠤᠷᠢᠯᠭ᠎ᠠ ᠲᠠᠢ ᠲᠤᠷᠠᠳᠤᠨ ᠭᠠᠷᠭᠠᠭᠰᠠᠨ ᠲᠤᠮᠤ ᠤᠴᠢᠷ ᠪᠤᠯᠤᠨ ᠪᠤᠳᠠᠳᠤ ᠤᠴᠢᠷ ᠤᠳ | ᠢ ᠭᠡᠯᠡᠵᠥ ᠪᠤᠢ᠃ ᠲᠠᠷᠥᠢ᠂ ᠶᠠᠳᠠᠭᠤ ᠶᠢ ᠲᠡᠳᠭᠦᠭᠦ ᠪᠠᠳᠤᠯᠠᠭ᠎ᠠ᠂ ᠥᠢᠯᠡᠰ ᠪᠥᠳᠥᠭᠡᠨ ᠠᠵᠢᠯ ᠤᠯᠤᠭᠤᠯᠬᠤ | ᠥᠢᠯᠡᠴᠢᠯᠡᠭᠡ᠂ ᠨᠡᠶᠢᠭᠡᠮ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠰᠤᠷᠭᠠᠨ ᠭᠥᠮᠥᠵᠢᠯ ᠢᠶᠠᠷ ᠲᠡᠳᠭᠦᠭᠦ ᠪᠤᠳᠤᠯᠭ᠎ᠠ᠂ | ᠡᠷᠡᠭᠦᠯ ᠬᠠᠮᠠᠭᠠᠯᠠᠯ ᠴᠢᠬᠢᠷᠠᠭᠵᠢᠯ᠂ ᠰᠤᠶᠤᠯ ᠤᠷᠠᠯᠢᠭ ᠤᠨ ᠴᠡᠩᠭᠡᠭᠦᠨ ᠵᠡᠷᠭᠡ ᠠᠷᠠᠳ ᠢ ᠬᠠᠷᠠᠭᠠᠯᠵᠠᠬᠤ ᠵᠢᠷᠭᠤᠭᠠᠨ | ᠲᠠᠪᠬᠤᠷ ᠪᠠᠳᠤᠯᠠᠭ᠎ᠠ ᠶᠢᠨ ᠲᠤᠤᠷ ᠢ ᠴᠢᠩᠭᠠᠳᠬᠠᠬᠤ ᠶᠢ ᠭᠡᠯᠡᠵᠥ ᠪᠤᠢ᠃ | 3. ︽ᠭᠤᠷᠪᠠᠨ ᠶᠡᠭᠡ ᠰᠢᠪᠳᠤᠯᠤᠯᠳᠠ︾᠄ ᠨᠤᠴᠢᠳᠠᠢ ᠲᠥᠭᠰᠢᠭᠦᠷᠢ ᠶᠢ ᠰᠡᠷᠭᠡᠶᠢᠯᠡᠨ ᠰᠢᠢᠳᠪᠥᠷᠢᠯᠡᠭᠦ ᠠᠵᠢᠯ᠂ | ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠪᠤᠯᠤᠨ ᠪᠤᠬᠢᠷᠳᠤᠯ ᠢ ᠰᠡᠷᠭᠡᠶᠢᠯᠡᠨ ᠵᠠᠰᠠᠬᠤ | ᠠᠵᠢᠯ ᠤᠨ ᠭᠤᠷᠪᠠᠨ ᠶᠡᠭᠡ ᠰᠢᠪᠳᠤᠯᠤᠯᠳᠠ ᠶᠢᠨ ᠡᠭᠦᠷᠭᠡ ᠶᠢ ᠵᠢᠭᠠᠵᠤ ᠪᠤᠢ᠃ ᠨᠠᠮ ᠤᠨ ᠠᠷᠪᠠ ᠶᠢᠰᠥᠳᠥᠭᠡᠷ ᠶᠡᠭᠡ | ᠬᠤᠷᠠᠯ ᠠᠴᠠ ᠨᠤᠴᠢᠳᠠᠢ ᠲᠥᠭᠰᠢᠭᠦᠷᠢ ᠶᠢ ᠰᠡᠷᠭᠡᠶᠢᠯᠡᠨ ᠰᠢᠢᠳᠪᠥᠷᠢᠯᠡᠭᠦ ᠠᠵᠢᠯ᠂ ᠨᠠᠷᠢᠯᠢᠭ ᠤᠨᠤᠪᠴᠢᠳᠠᠢ ᠪᠠᠷ | ᠶᠠᠳᠠᠭᠤ ᠠᠴᠠ ᠠᠩᠬᠢᠵᠢᠷᠠᠭᠤᠯᠬᠤ ᠠᠵᠢᠯ ᠪᠤᠯᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠴᠢᠩᠳᠠᠯᠠᠨ | ᠬᠢᠭᠦ ᠭᠡᠷᠡᠭᠳᠡᠢ ᠭᠡᠵᠥ ᠵᠢᠭᠠᠪᠤᠷᠢᠯᠠᠭᠰᠠᠨ ᠪᠥᠭᠡᠳ ︽2018 ᠤᠨ ᠤ ᠲᠥᠷᠥ ᠶᠢᠨ ᠶᠠᠪᠤᠳᠠᠯ ᠤᠨ ᠬᠤᠷᠢᠶᠠᠨ ᠤ | ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠠᠩᠬ᠎ᠠ ᠤᠳᠠᠭ᠎ᠠ ︽ᠭᠤᠷᠪᠠᠨ ᠶᠡᠭᠡ ᠰᠢᠪᠳᠤᠯᠤᠯᠳᠠ︾ ᠭᠡᠭᠦ | ᠨᠡᠷ᠎ᠡ ᠲᠤᠮᠢᠶ᠎ᠠ ᠶᠢ ᠵᠠᠷᠤᠭᠰᠠᠨ ᠪᠠᠶᠢᠨ᠎ᠠ᠃ | 4. ︽ᠬᠤᠳᠳᠤᠭ ᠢ ᠪᠢᠳᠠᠭᠦᠮᠵᠢᠯᠠᠨ ᠲᠠᠷᠢᠶᠠᠨ ᠭᠠᠵᠠᠷ ᠢ ᠪᠠᠭᠠᠰᠬᠠᠬᠤ︾᠄ ᠮᠠᠨ ᠤ ᠬᠤᠰᠢᠭᠤᠨ ᠤ ᠤᠰᠤᠨ | ᠡᠬᠢ ᠰᠤᠷᠪᠤᠯᠵᠢ ᠶᠢᠨ ᠬᠠᠮᠤᠭ ᠴᠢᠩᠭ᠎ᠠ ᠬᠠᠮᠢᠶᠠᠷᠤᠯᠳᠠ ᠶᠢᠨ ᠲᠥᠷᠢᠮ ᠤᠨ ᠲᠤᠭᠤᠷᠢᠨ ᠳᠤ᠂ ᠬᠡᠳᠥᠷᠡᠳᠡᠯᠡ ᠤᠰᠤ | ᠬᠡᠷᠡᠭᠯᠡᠵᠥ ᠪᠠᠶᠢᠬᠤ ᠭᠠᠵᠠᠷ ᠤᠷᠤᠨ ᠳᠤ ᠭᠡᠷᠡᠭᠵᠢᠭᠦᠯᠭᠦ ᠤᠰᠤᠨ ᠤ ᠬᠠᠮᠢᠶᠠᠷᠤᠯᠳᠠ ᠶᠢᠨ ᠠᠵᠢᠯ ᠤᠨ ᠠᠷᠭ᠎ᠠ ᠠᠪᠴᠠᠯ | ᠃ ᠲᠥᠷᠢᠮ ᠵᠥᠷᠢᠴᠡᠨ ᠥᠷᠥᠮᠳᠡᠭᠰᠡᠨ ᠮᠠᠰᠢᠨ ᠬᠤᠳᠳᠤᠭ ᠢ ᠪᠢᠳᠡᠭᠦᠮᠵᠢᠯᠡᠭᠦ ᠪᠠ ᠲᠥᠷᠢᠮ ᠵᠥᠷᠢᠴᠡᠨ | ᠬᠠᠭᠠᠯᠪᠤᠷᠢᠯᠠᠭᠰᠠᠨ ᠤᠰᠤᠯᠠᠯᠳᠠ ᠶᠢᠨ ᠲᠠᠷᠢᠶᠠᠨ ᠭᠠᠵᠠᠷ ᠢ ᠪᠠᠭᠠᠰᠬᠠᠬᠤ ᠪᠠᠷ ᠲᠠᠮᠵᠢᠭᠤᠯᠤᠨ᠂ ᠤᠰᠤᠨ ᠡᠬᠢ | ᠰᠤᠷᠪᠤᠯᠵᠢ ᠶᠢ ᠲᠤᠬᠢᠳᠠᠢ ᠨᠡᠭᠡᠭᠡᠨ ᠠᠰᠢᠭᠯᠠᠵᠤ᠂ ᠠᠳᠠᠷ ᠬᠠᠭᠠᠯᠪᠤᠷᠢᠯᠠᠵᠤ ᠲᠠᠷᠢᠶ᠎ᠠ ᠤᠰᠤᠯᠠᠬᠤ ᠶᠢ ᠲᠠᠰᠤ | ᠬᠤᠷᠢᠭᠯᠠᠨ᠂ ᠤᠰᠤᠨ ᠬᠡᠷᠡᠭᠯᠡᠯᠳᠡ ᠪᠠ ᠭᠠᠵᠠᠷ ᠰᠢᠷᠥᠢ ᠶᠢᠨ ᠡᠬᠢ ᠰᠤᠷᠪᠤᠯᠵᠢ ᠶᠢᠨ ᠵᠥᠷᠢᠴᠡᠯ ᠢ ᠨᠠᠮᠳᠠᠭᠤᠯᠵᠤ᠂ | ᠪᠠᠶᠢᠭᠠᠯᠢ ᠠᠬᠤᠢ ᠶᠢ ᠬᠠᠮᠠᠭᠠᠯᠠᠨ᠂ ᠮᠠᠯᠵᠢᠬᠤ ᠲᠠᠷᠢᠶᠠᠯᠠᠬᠤ ᠤᠷᠤᠨ ᠤ ᠤᠰᠤᠨ ᠡᠬᠢ ᠰᠤᠷᠪᠤᠯᠵᠢ ᠶᠢᠨ | ᠥᠷᠭᠦᠯᠵᠢᠭᠦᠶᠢᠴᠡ ᠠᠰᠢᠭᠯᠠᠯᠳᠠ ᠶᠢ ᠪᠠᠳᠤᠯᠠᠬᠤ ᠪᠤᠳᠤᠯᠭ᠎ᠠ᠃ | 5. ︽ᠰᠢᠷᠭᠤᠯᠵᠢᠨ︾ ᠤᠢ᠄ ᡁᠢ ᠹᠦ᠋ ᠪᠤᠤ ᠲᠠᠪᠴᠠᠩ ᠠᠴᠠ ᠬᠡᠷᠡᠭᠯᠡᠭᠴᠢᠳ ᠲᠤ ᠴᠢᠭᠯᠡᠭᠦᠯᠥᠨ ᠰᠤᠳᠤᠯᠤᠨ | ᠨᠡᠭᠡᠭᠡᠭᠰᠡᠨᠨᠡᠶᠢᠳᠡ ᠶᠢᠨ ᠠᠰᠠᠷᠠᠮᠵᠢ ᠶᠢᠨ ᠴᠢᠨᠠᠷᠳᠤ ᠠᠵᠢᠯᠯᠠᠭᠠᠨ ᠤ ᠫᠷᠥᠭᠷᠠᠮ ᠬᠡᠷᠡᠭᠯᠡᠭᠡ᠃ ᠨᠡᠶᠢᠭᠡᠮ ᠨᠡᠶᠢᠳᠡ ᠳᠤ | ᠬᠤᠷᠤᠭᠳᠠᠯ ᠪᠠᠭᠠᠳᠠᠢ ᠵᠤᠷᠰᠢᠯ ᠢ ᠲᠥᠭᠡᠭᠡᠭᠦ ᠵᠤᠷᠢᠯᠭ᠎ᠠ ᠪᠠᠷ ᠭᠡᠷᠡᠭᠯᠡᠭᠴᠢᠳ ᠢ ᠰᠥᠯᠵᠢᠶᠡᠨ ᠲᠡᠭᠡᠷ᠎ᠡ ᠬᠡᠶᠢᠰᠪᠤᠷᠢ | ᠮᠤᠳᠤ ︽ᠲᠠᠷᠢᠭᠤᠯᠵᠤ ︾᠂ ᠲᠡᠷᠡ ᠨᠢ ︽ᠥᠰᠴᠤ︾ ᠲᠤᠮᠤ ᠪᠤᠯᠤᠭᠰᠠᠨ ᠬᠤᠶᠢᠨ᠎ᠠ ᠨᠡᠶᠢᠳᠡ ᠶᠢᠨ ᠠᠰᠠᠷᠠᠮᠵᠢ ᠶᠢᠨ | ᠵᠤᠬᠢᠶᠠᠨ ᠪᠠᠶᠢᠭᠤᠯᠤᠯᠳᠠ ᠪᠤᠯᠤᠨ ᠤᠷᠴᠢᠨ ᠬᠠᠮᠠᠭᠠᠯᠠᠯᠳᠠ ᠶᠢᠨ ᠠᠵᠤ ᠠᠬᠤᠶᠢᠯᠠᠯ ᠵᠡᠷᠭᠡ ᠪᠤᠳᠠᠳᠤ ᠴᠤᠭᠴᠠ ᠶᠢᠨ | ᠪᠠᠶᠢᠭᠤᠯᠤᠮᠵᠢ ᠠᠴᠠ ᠬᠡᠷᠡᠭᠯᠡᠭᠴᠢ ᠶᠢᠨ ︽ᠲᠠᠷᠢᠵᠤ ᠠᠷᠠᠴᠢᠯᠠᠭᠰᠠᠨ︾ ᠬᠡᠶᠢᠰᠪᠤᠷᠢ ᠮᠤᠳᠤ ᠶᠢ ᠨᠢ ᠬᠤᠳᠠᠯᠳᠤᠨ | ᠠᠪᠴᠤ᠂ ᠪᠤᠳᠠᠳᠤ ᠠᠮᠢᠳᠤᠷᠠᠯ ᠳᠤ ᠠᠯᠢ ᠨᠢᠭᠡᠨ ᠭᠠᠵᠠᠷ ᠵᠢᠩᠬᠢᠨᠢ ᠮᠤᠳᠤ ᠪᠤᠯᠭᠠᠵᠤ ᠲᠠᠷᠢᠳᠠᠭ ᠠᠵᠢᠯᠯᠠᠭ᠎ᠠ ᠶᠢ | ᠭᠡᠯᠡᠵᠥ ᠪᠤᠢ᠃ ᠮᠠᠨ ᠤ ᠬᠤᠰᠢᠭᠤᠨ ᠤ ︽ᠰᠢᠷᠭᠤᠯᠵᠢᠨ︾ ᠤᠢ ᠶᠢᠨ ᠨᠡᠶᠢᠳᠡ ᠶᠢᠨ ᠠᠰᠠᠷᠠᠮᠵᠢ ᠶᠢᠨ ᠲᠥᠷᠥᠯ | ᠵᠥᠢᠯ ᠤᠳᠤ ᠨᠢᠭᠡᠨᠳᠡ ᠡᠬᠢᠯᠡᠪᠡ᠃ | 6. ︽ᠠᠭᠤᠵᠢᠭᠤ ᠲᠠᠯᠪᠢᠵᠤ᠂ ᠴᠢᠩᠭ᠎ᠠ ᠬᠠᠮᠢᠶᠠᠷᠬᠤ︾᠄ ᠮᠠᠨ ᠤ ᠬᠤᠰᠢᠭᠤᠨ ᠤ ᠠᠵᠤ ᠥᠢᠯᠡᠳᠪᠥᠷᠢ ᠶᠢᠨ | ᠲᠠᠩᠰᠠᠯᠠᠯᠳᠠ ᠶᠢᠨ ᠲᠥᠷᠢᠮ ᠤᠨ ᠥᠭᠡᠷᠡᠴᠢᠯᠡᠯᠳᠡ ᠲᠤᠮᠳᠠᠬᠢ ᠰᠢᠨᠡᠴᠢᠯᠡᠭᠦ ᠠᠷᠭ᠎ᠠ ᠠᠪᠴᠠᠯ᠃ ︽ᠠᠭᠤᠵᠢᠭᠤ | ᠲᠠᠯᠪᠢᠬᠤ︾ ᠭᠡᠳᠡᠭ ᠨᠢ ᠤᠯᠤᠰ ᠤᠨ ᠲᠥᠷᠥ ᠶᠢᠨ ᠪᠤᠳᠤᠯᠭ᠎ᠠ ᠪᠤᠯᠤᠨ ᠠᠵᠤ ᠥᠢᠯᠡᠰ ᠤᠨ ᠭᠥᠭᠵᠢᠭᠦᠯᠥᠯ ᠤᠨ | ᠲᠤᠬᠢᠷᠠᠭᠤᠯᠭ᠎ᠠ ᠶᠢᠨ ᠬᠤᠷᠸ᠎ᠠ ᠤᠷᠴᠢᠨ ᠲᠤᠤᠷ᠎ᠠ᠂ ᠠᠵᠤ ᠥᠢᠯᠡᠰᠵᠢᠭᠦᠯᠥᠭᠰᠡᠨ ᠲᠥᠷᠥᠯ ᠵᠥᠢᠯ ᠤᠳ ᠢ | ᠰᠤᠩᠭᠤᠯᠳᠠᠳᠤ ᠴᠢᠨᠠᠷ ᠲᠠᠢ ᠪᠠᠷ ᠤᠷᠢᠨ ᠲᠠᠳᠠᠵᠤ᠂ ᠬᠠᠤᠯᠢ ᠲᠤᠭᠳᠠᠭᠠᠯ ᠤᠨ ᠶᠤᠰᠤᠭᠠᠷ ᠲᠥᠷᠥᠯ ᠵᠥᠢᠯ ᠤᠨ | ᠴᠤᠬᠤᠯᠠᠪᠤᠷᠢᠯᠠᠯ ᠢ ᠴᠤᠮᠬᠠᠳᠬᠠᠵᠤ ᠥᠢᠯᠡᠴᠢᠯᠡᠭᠡ ᠶᠢ ᠰᠢᠯᠢᠳᠡᠭᠵᠢᠭᠦᠯᠥᠨ᠂ ᠲᠥᠷᠥᠯ ᠵᠥᠢᠯ ᠤᠨ ᠡᠮᠥᠨ᠎ᠡ | ᠬᠤᠭᠤᠴᠠᠭᠠᠨ ᠤ ᠭᠠᠷ ᠭᠥᠢᠴᠡᠳᠭᠡᠯ ᠢ ᠱᠠᠯᠠᠪᠳᠠᠭᠤᠯᠬᠤ ᠶᠢ ᠭᠡᠯᠡᠵᠥ ᠪᠤᠢ︔ ︽ᠴᠢᠩᠭ᠎ᠠ ᠬᠠᠮᠢᠶᠠᠷᠬᠤ︾ ᠭᠡᠳᠡᠭ ᠨᠢ | ᠲᠥᠷᠥᠯ ᠵᠥᠢᠯ ᠴᠤᠬᠤᠯᠠᠪᠤᠷᠢᠯᠠᠯ ᠤᠯᠤᠭᠰᠠᠨ ᠬᠤᠶᠢᠨ᠎ᠠ ᠬᠠᠮᠢᠶ᠎ᠠ ᠪᠥᠭᠦᠢ ᠬᠥᠷᠢᠶ᠎ᠠ ᠴᠠᠷᠠᠭᠠᠨ ᠤ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠬᠢᠨ ᠲᠥᠷᠥᠯ ᠵᠥᠢᠯ ᠤᠨ ᠪᠠᠷᠢᠯᠭ᠎ᠠ ᠪᠠᠶᠢᠭᠤᠯᠤᠯᠳᠠ ᠠᠴᠠ ᠡᠬᠢᠯᠡᠨ | ᠠᠰᠢᠭᠯᠠᠯᠳᠠ ᠳᠤ ᠤᠷᠤᠳᠠᠯ᠎ᠠ ᠪᠥᠭᠦ ᠶᠠᠪᠤᠴᠠ ᠶᠢ ᠨᠢ ᠴᠢᠩᠭ᠎ᠠ ᠬᠢᠨᠠᠨ ᠬᠠᠮᠢᠶᠠᠷᠴᠤ᠂ ᠲᠥᠷᠥᠯ ᠵᠥᠢᠯ ᠤᠨ | ᠤᠷᠤᠨᠵᠢᠯᠳᠠ ᠪᠤᠯᠤᠨ ᠬᠠᠤᠯᠢ ᠶᠤᠰᠤᠨ ᠤ ᠡᠵᠡᠩᠨᠡᠯᠳᠡ ᠬᠢᠭᠦ ᠶᠢ ᠨᠢ ᠪᠠᠳᠤᠯᠠᠬᠤ ᠶᠢ ᠵᠢᠭᠠᠵᠤ ᠪᠤᠢ᠃ | 7. ︽ᠡᠮᠡᠭᠡᠯ ᠶᠡᠭᠦᠯᠡᠨ ᠮᠤᠷᠢ ᠰᠤᠯᠢᠬᠤ︾ ᠪᠠᠷ ᠰᠢᠬᠠᠮᠳᠠᠭᠤᠯᠬᠤ ᠲᠤᠭᠳᠠᠴᠠ᠄ ᠮᠠᠨ ᠤ ᠬᠤᠰᠢᠭᠤ ᠴᠢᠬᠤᠯᠠ | ᠲᠥᠷᠥᠯ ᠵᠥᠢᠯ ᠤᠳ ᠢ ᠪᠥᠳᠥᠮᠵᠢᠳᠠᠢ ᠠᠬᠢᠭᠤᠯᠬᠤ ᠶᠢᠨ ᠲᠥᠯᠥᠭᠡ ᠰᠢᠨᠡᠴᠢᠯᠡᠯᠳᠡ ᠲᠠᠢ ᠪᠠᠷ ᠠᠪᠤᠭᠰᠠᠨ ᠲᠤᠭᠳᠠᠴᠠ | ᠃ ᠴᠤᠬᠤᠯᠠᠪᠤᠷᠢᠯᠠᠯ ᠲᠠᠮᠵᠢᠭᠰᠠᠨ ᠪᠤᠯᠪᠠᠴᠤ ᠪᠠᠷᠢᠯᠭ᠎ᠠ ᠶᠢᠨ ᠠᠬᠢᠴᠠ ᠥᠭᠡᠢ ᠲᠥᠷᠥᠯ ᠵᠥᠢᠯ ᠲᠠᠭᠠᠭᠠᠴᠢᠯᠠᠭᠴᠢ | ᠠᠴᠠ ᠡᠬᠢ ᠰᠤᠷᠪᠤᠯᠵᠢ ᠶᠢᠨ ᠭᠠᠶᠢᠯᠢ ᠲᠠᠳᠠᠪᠤᠷᠢᠯᠠᠬᠤ᠂ ᠲᠥᠷᠥᠯ ᠵᠥᠢᠯ ᠤᠨ ᠪᠠᠶᠢᠭᠤᠯᠤᠯᠳᠠ ᠶᠢᠨ ᠪᠡᠶᠡᠴᠢ ᠴᠤᠭᠴᠠ | ᠶᠢ ᠰᠤᠯᠢᠬᠤ ᠪᠠ ᠲᠥᠷᠥᠯ ᠵᠥᠢᠯ ᠤᠨ ᠪᠠᠶᠢᠭᠤᠯᠤᠯᠳᠠ ᠶᠢᠨ ᠬᠤᠪᠢᠴᠠᠭᠠᠨ ᠡᠷᠭᠡ ᠶᠢ ᠴᠡᠭᠴᠡᠯᠡᠨ ᠲᠤᠬᠢᠷᠠᠭᠤᠯᠬᠤ | ᠵᠡᠷᠭᠡ ᠠᠷᠭ᠎ᠠ ᠬᠡᠮᠵᠢᠶ᠎ᠠ ᠠᠪᠴᠤ ᠲᠥᠷᠥᠯ ᠵᠥᠢᠯ ᠢ ᠱᠠᠯᠠᠪᠳᠠᠭᠤᠯᠵᠤ ᠰᠢᠬᠠᠮᠳᠠᠭᠤᠯᠤᠨ ᠪᠠᠶᠢᠭᠤᠯᠤᠯᠳᠠ ᠶᠢ ᠨᠢ | ᠲᠥᠷᠭᠡᠳᠭᠡᠵᠥ᠂ ᠴᠢᠨᠠᠷᠯᠢᠭ ᠰᠠᠶᠢᠨ ᠲᠥᠷᠥᠯ ᠵᠥᠢᠯ ᠤᠨ ᠡᠬᠢ ᠰᠤᠷᠪᠤᠯᠵᠢ ᠶᠢ ᠵᠥᠭᠡᠷ ᠤᠷᠬᠢᠭᠳᠠᠭᠤᠯᠬᠤ ᠠᠴᠠ | ᠰᠡᠷᠭᠡᠶᠢᠯᠡᠭᠦ ᠠᠷᠭ᠎ᠠ ᠠᠪᠴᠠᠯ᠃ | 8. ︽LNG︾᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ︵Liquefied Natural | Gas︶ ᠶᠢᠨ ᠲᠤᠪᠴᠢᠯᠠᠯ ᠪᠢᠴᠢᠯᠭᠡ᠃ | 9. ︽ᠭᠥᠳᠡᠭᠡ ᠨᠤᠳᠤᠭ ᠢ ᠭᠥᠴᠥᠷᠭᠡᠭᠵᠢᠭᠦᠯᠥᠨ ᠭᠥᠭᠵᠢᠭᠦᠯᠭᠦ ᠪᠤᠳᠤᠯᠭ᠎ᠠ︾᠄ ᠲᠤᠮᠳᠠᠳᠤ ᠤᠯᠤᠰ ᠤᠨ ᠡᠪ | ᠬᠠᠮᠳᠤ ᠨᠠᠮ ᠤᠨ ᠠᠷᠪᠠ ᠶᠢᠰᠥᠳᠥᠭᠡᠷ ᠤᠳᠠᠭᠠᠨ ᠤ ᠪᠥᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | ᠲᠡᠭᠡᠷ᠎ᠡ ᠠᠩᠬ᠎ᠠ ᠲᠤᠷᠠᠳᠤᠨ ᠭᠠᠷᠭᠠᠪᠠ᠃ ᠲᠠᠷᠤᠢ᠂ ᠮᠠᠯ ᠲᠠᠷᠢᠶᠠᠯᠠᠩ ᠤᠨ ᠥᠢᠯᠡᠰ ᠪᠤᠯᠤᠨ ᠮᠠᠯᠵᠢᠬᠤ ᠲᠠᠷᠢᠶᠠᠯᠠᠬᠤ | ᠤᠷᠤᠨ ᠢ ᠲᠡᠷᠢᠭᠦᠨ ᠳᠤ ᠨᠢ ᠭᠥᠭᠵᠢᠭᠦᠯᠵᠥ᠂ ᠮᠠᠯ ᠲᠠᠷᠢᠶᠠᠯᠠᠩ ᠤᠨ ᠥᠢᠯᠡᠰ ᠪᠤᠯᠤᠨ ᠮᠠᠯᠵᠢᠬᠤ ᠲᠠᠷᠢᠶᠠᠯᠠᠬᠤ | ᠤᠷᠤᠨ ᠤ ᠤᠳᠤᠬᠢᠴᠢᠯᠠᠯᠳᠠ ᠶᠢ ᠲᠥᠷᠭᠡᠳᠭᠡᠨ᠂ ᠭᠥᠳᠡᠭᠡ ᠨᠤᠳᠤᠭ ᠤᠨ ᠨᠡᠶᠢᠳᠡ ᠶᠢᠨ ᠥᠢᠯᠡᠴᠢᠯᠡᠭᠡᠨ ᠤ ᠬᠢᠷᠢ | ᠲᠥᠪᠰᠢᠨ ᠢ ᠰᠠᠶᠢᠵᠢᠷᠠᠭᠤᠯᠵᠤ᠂ ᠭᠥᠳᠡᠭᠡ ᠨᠤᠳᠤᠭ ᠤᠨ ᠥᠨᠳᠥᠰᠥᠨ ᠱᠠᠳᠤᠨ ᠳᠤ ᠬᠢ ᠰᠠᠭᠤᠷᠢ ᠠᠵᠢᠯ ᠢ | ᠴᠢᠩᠭᠠᠳᠬᠠᠨ᠂ ᠬᠤᠳᠠ ᠭᠥᠳᠡᠭᠡ ᠶᠢᠨ ᠵᠤᠬᠢᠴᠠᠯᠳᠤ ᠭᠥᠭᠵᠢᠯᠳᠡ ᠶᠢ ᠠᠬᠢᠭᠤᠯᠵᠤ᠂ ᠠᠵᠤ ᠥᠢᠯᠡᠰ ᠥᠷᠨᠢᠩᠭᠦᠢ᠂ | ᠠᠮᠢ ᠠᠬᠤᠢ ᠵᠤᠬᠢᠴᠠᠩᠭᠤᠢ᠂ ᠨᠤᠳᠤᠭ ᠤᠨ ᠰᠤᠷᠳᠠᠯ ᠪᠤᠯᠪᠠᠰᠤᠨ᠂ ᠵᠠᠰᠠᠯᠳᠠ ᠬᠠᠮᠢᠶᠠᠷᠤᠯᠳᠠ ᠪᠥᠳᠥᠮᠵᠢᠳᠡᠢ᠂ ᠠᠵᠤ | ᠠᠮᠢᠳᠤᠷᠠᠯ ᠴᠢᠨᠡᠭᠡᠯᠢᠭ ᠪᠤᠯᠭᠠᠬᠤ ᠪᠤᠳᠤᠯᠭ᠎ᠠ ᠃ | 10. ︽ᠮᠠᠯ ᠲᠠᠷᠢᠶᠠᠯᠠᠩ ᠤᠨ ᠴᠢᠨᠠᠷ ᠰᠠᠶᠢᠳᠠᠢ ᠠᠰᠢᠭ ᠰᠢᠮ᠎ᠡ ᠪᠥᠳᠥᠭᠡᠭᠳᠡᠭᠦᠨ ᠤ ᠭᠠᠷᠤᠯᠳᠠ ᠶᠢᠨ | ᠰᠠᠭᠤᠷᠢᠨ︾᠄ ᠬᠤᠰᠢᠭᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠢᠶᠠᠷ ᠲᠤᠷᠠᠳᠤᠭᠰᠠᠨ᠂ ᠲᠠᠪᠤᠨ ᠵᠢᠯ ᠤᠨ ᠴᠢᠷᠮᠠᠶᠢᠯᠭ᠎ᠠ ᠪᠠᠷ ᠲᠠᠮᠵᠢᠨ 100 ᠲᠥᠮᠡᠨ | ᠰᠠᠶᠢᠨ ᠡᠭᠦᠯᠳᠡᠷ ᠤᠨ ᠠᠯᠠᠰᠢᠨ ᠥᠭᠡᠷ᠂ 10 ᠲᠥᠮᠡᠨ ᠡᠭᠦᠯᠳᠡᠷ ᠰᠠᠶᠢᠳᠠᠢ ᠠᠯᠠᠰᠢᠨ ᠪᠤᠭ ᠮᠠᠯ᠂ ᠲᠥᠮᠡᠨ ᠲᠤᠨ | ᠴᠢᠨᠠᠷ ᠰᠠᠶᠢᠳᠠᠢ ᠲᠠᠷᠢᠠᠶ᠋ᠯᠠᠩ ᠤᠨ ᠪᠥᠳᠥᠭᠡᠭᠳᠡᠭᠦᠨ᠂ 100 ᠲᠤᠨ ᠰᠠᠶᠢᠨ ᠴᠢᠨᠠᠷᠳᠤ ᠨᠠᠷᠢᠨ ᠨᠤᠤᠯᠤᠭᠤᠷ | ᠲᠠᠸᠠᠷᠴᠢᠯᠠᠬᠤ ᠰᠠᠭᠤᠷᠢᠨ ᠴᠤᠭᠴᠠᠯᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠪᠥᠳᠥᠭᠡᠭᠳᠡᠭᠦᠨ ᠤ ᠶᠠᠰᠤ ᠴᠢᠨᠠᠷ ᠢ | ᠪᠥᠭᠦ ᠲᠠᠯ᠎ᠠ ᠪᠠᠷ ᠠᠬᠢᠭᠤᠯᠬᠤ ᠡᠨᠡ ᠭᠦ ︽ᠲᠥᠷᠪᠡᠨ ᠨᠢᠭᠡ︾ ᠶᠢᠨ ᠭᠠᠷᠤᠯᠳᠠ ᠶᠢᠨ ᠰᠠᠭᠤᠷᠢᠨ ᠢ ᠬᠠᠮᠳᠤᠷᠠᠭᠤᠯᠤᠨ | ︽ᠮᠠᠯ ᠲᠠᠷᠢᠶᠠᠯᠠᠩ ᠤᠨ ᠴᠢᠨᠠᠷ ᠰᠠᠶᠢᠳᠠᠢ ᠠᠰᠢᠭ ᠰᠢᠮ᠎ᠡ ᠪᠥᠳᠥᠭᠡᠭᠳᠡᠭᠦᠨ ᠤ ᠭᠠᠷᠤᠯᠳᠠ ᠶᠢᠨ ᠰᠠᠭᠤᠷᠢᠨ︾ ᠭᠡᠵᠥ | ᠨᠡᠷᠡᠯᠡᠪᠡ᠃ | 11. ︽ᠭᠤᠷᠪᠠᠨ ᠪᠥᠳᠥᠭᠡᠭᠳᠡᠭᠦᠨ ᠨᠢᠭᠡ ᠢᠯᠡᠳᠭᠡᠯ ᠲᠠᠩᠰᠠᠯᠠᠯᠳᠠ︾᠄ ᠮᠠᠯ ᠲᠠᠷᠢᠶᠠᠨ ᠤ ᠪᠤᠬᠢᠷᠳᠤᠯ ᠥᠭᠡᠢ | ᠠᠰᠢᠭ ᠰᠢᠮ᠎ᠡ᠂ ᠪᠤᠵᠠᠷᠳᠤᠯ ᠥᠭᠡᠢ ᠢᠳᠡᠭᠡᠨ᠂ ᠮᠠᠯ ᠲᠠᠷᠢᠶᠠᠨ ᠤ ᠤᠷᠭᠠᠨᠢᠭ ᠪᠥᠳᠥᠭᠡᠭᠳᠡᠭᠦᠨ ᠬᠢᠭᠡᠳ ᠮᠠᠯ | ᠲᠠᠷᠢᠶᠠᠨ ᠤ ᠠᠰᠢᠭ ᠰᠢᠮ᠎ᠡ ᠶᠢᠨ ᠭᠠᠵᠠᠷ ᠵᠥᠢ ᠶᠢᠨ ᠢᠯᠡᠳᠭᠡᠯ ᠲᠠᠩᠰᠠᠯᠠᠯᠳᠠ ᠶᠢ ᠬᠡᠯᠡᠵᠥ ᠪᠤᠢ᠃ | 12. ︽ᠬᠤᠶᠠᠷ ᠢ ᠲᠤᠬᠢᠶᠠᠯᠳᠤᠯ ᠢᠶᠠᠷ᠂ ᠨᠢᠭᠡ ᠶᠢ ᠢᠯᠡᠰᠢᠭᠦᠯᠭᠦ︾᠄ ᠡᠨᠡ ᠪᠤᠯ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ 2015 ᠤᠨ ᠤ 8 ᠰᠷ᠎ᠠ ᠳᠤ ᠨᠡᠶᠢᠳᠡᠯᠡᠭᠰᠡᠨ ︽ᠭᠡᠷᠡᠭ ᠤᠨ ᠶᠠᠪᠤᠴᠠ ᠪᠠ ᠭᠡᠷᠡᠭ | ᠤᠨ ᠲᠠᠷᠠᠭ᠎ᠠ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠬᠢᠨᠠᠯᠳᠠ ᠬᠠᠮᠢᠶᠠᠷᠤᠯᠳᠠ ᠶᠢ ᠲᠥᠭᠡᠮᠡᠯᠵᠢᠭᠦᠯᠭᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠤᠨ ᠱᠠᠭᠠᠷᠳᠠᠯᠭ᠎ᠠ ᠪᠠᠷ ᠪᠥᠭᠦ ᠤᠯᠤᠰ ᠲᠤ ᠲᠥᠭᠡᠮᠡᠯᠵᠢᠭᠦᠯᠥ | ᠲᠡᠯᠭᠡᠷᠡᠭᠦᠯᠥᠭᠰᠡᠨ ᠬᠢᠨᠠᠯᠳᠠ ᠬᠠᠮᠢᠶᠠᠷᠤᠯᠳᠠ ᠶᠢᠨ ᠠᠷᠭ᠎ᠠ ᠠᠪᠴᠠᠯ ᠶᠤᠮ᠃ ᠬᠢᠨᠠᠯᠳᠠ ᠬᠠᠮᠢᠶᠠᠷᠤᠯᠳᠠ ᠶᠢᠨ ᠶᠠᠪᠤᠴᠠ | ᠳᠤ ᠪᠠᠶᠢᠴᠠᠭᠠᠭᠳᠠᠬᠤ ᠡᠳᠡᠭᠡᠳ ᠪᠤᠯᠤᠨ ᠬᠠᠤᠯᠢ ᠭᠡᠷᠭᠵᠢᠭᠦᠯᠭᠦ ᠬᠢᠨᠠᠭᠴᠢ ᠪᠠᠶᠢᠴᠠᠭᠠᠭᠴᠢᠳ ᠢ ᠲᠤᠬᠢᠶᠠᠯᠳᠤᠯ ᠢᠶᠠᠷ | ᠰᠤᠭᠤᠴᠢᠨ ᠲᠤᠭᠳᠠᠭᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠬᠢᠭᠡᠳ ᠪᠠᠶᠢᠴᠠᠭᠠᠨ ᠰᠢᠢᠳᠪᠥᠷᠢᠯᠡᠭᠰᠡᠨ ᠥᠷ᠎ᠡ | ᠳ᠋ᠥᠩ ᠢᠶᠠᠨ ᠴᠠᠭ ᠲᠠᠷᠤᠢ ᠳᠤ ᠨᠢ ᠨᠡᠶᠢᠭᠡᠮ ᠨᠡᠶᠢᠳᠡ ᠳᠤ ᠢᠯᠡᠰᠢᠭᠦᠯᠭᠦ ᠶᠢ ᠵᠢᠭᠠᠵᠤ ᠪᠤᠢ᠃ | 13. ︽ ᠪᠠᠭᠤᠯᠭᠠᠬᠤ᠂ ᠬᠠᠮᠢᠶᠠᠷᠬᠤ ᠂ ᠥᠢᠯᠡᠴᠢᠯᠡᠭᠦ︾ ᠥᠭᠡᠷᠡᠴᠢᠯᠡᠯᠳᠡ᠄ ︽ᠪᠠᠭᠤᠯᠭᠠᠬᠤ︾ ᠭᠡᠳᠡᠭ | ᠪᠤᠯ ᠵᠠᠰᠠᠭ ᠤᠨ ᠡᠷᠭᠡ ᠶᠢ ᠴᠤᠮᠬᠠᠳᠬᠠᠵᠤ᠂ ᠨᠥᠭᠦᠴᠡᠯ ᠱᠠᠭᠠᠷᠳᠠᠯᠭ᠎ᠠ ᠶᠢ ᠪᠠᠭᠤᠯᠭᠠᠨ ᠠᠭᠤᠵᠢᠳᠬᠠᠬᠤ︔ ︽ | ᠬᠠᠮᠢᠶᠠᠷᠬᠤ︾ ᠭᠡᠳᠡᠭ ᠪᠤᠯ ᠲᠥᠪ ᠭᠤᠤᠯᠴᠢ ᠪᠠᠷ ᠬᠢᠨᠠᠨ ᠬᠠᠮᠢᠶᠠᠷᠴᠤ᠂ ᠡᠷᠭᠡ ᠲᠡᠭᠰᠢ ᠥᠷᠢᠰᠥᠯᠳᠥᠭᠡᠨ ᠢ | ᠠᠬᠢᠭᠤᠯᠬᠤ︔ ︽ᠥᠢᠯᠡᠴᠢᠯᠡᠭᠦ︾ ᠬᠡᠳᠡᠭ ᠪᠤᠯ ᠥᠨᠳᠥᠷ ᠪᠥᠳᠥᠮᠵᠢᠳᠠᠢ ᠥᠢᠯᠡᠴᠢᠯᠡᠵᠥ᠂ ᠲᠥᠭᠦᠮ ᠲᠥᠳᠡ | ᠨᠥᠭᠦᠴᠡᠯ ᠪᠥᠷᠢᠯᠳᠥᠭᠦᠯᠭᠦ᠃ | 14. ︽ᠲᠥᠷᠪᠡᠨ ᠤᠷᠤᠨ ᠲᠥᠷᠪᠡᠨ ᠭᠥᠢᠴᠡᠳᠭᠡᠯ︾ ᠵᠠᠰᠠᠭ ᠤᠨ ᠶᠠᠪᠤᠳᠠᠯ ᠤᠨ ᠤᠶᠤᠨᠴᠢ ᠥᠢᠯᠡᠴᠢᠯᠡᠭᠡ | ᠄ ᠮᠠᠨ ᠤ ᠬᠤᠰᠢᠭᠤ ︽ᠵᠠᠰᠠᠭ ᠢ ᠴᠤᠮᠬᠠᠳᠬᠠᠨ ᠡᠷᠭᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ | ᠤᠶᠠᠯᠳᠤᠭᠤᠯᠬᠤ᠂ ᠥᠢᠯᠡᠴᠢᠯᠡᠭᠡ ᠶᠢ ᠰᠢᠯᠢᠳᠡᠭᠵᠢᠭᠦᠯᠭᠦ︾ ᠥᠭᠡᠷᠡᠴᠢᠯᠡᠯᠳᠡ ᠶᠢ ᠭᠥᠨᠵᠡᠭᠡᠶᠢᠷᠡᠭᠦᠯᠵᠥ᠂ ᠬᠤᠰᠢᠭᠤᠨ | ᠤ ᠪᠠᠨ ᠪᠤᠳᠠᠳᠤ ᠪᠠᠶᠢᠳᠠᠯ ᠳᠤ ᠵᠤᠬᠢᠴᠠᠭᠤᠯᠤᠨ ᠵᠰᠠᠭ ᠤᠨ ᠤᠷᠳᠤᠨ ᠤ ᠥᠢᠯᠡᠴᠢᠯᠡᠭᠡ ᠶᠢᠨ ᠲᠥᠪᠰᠢᠨ ᠢ | ᠲᠡᠭᠡᠭᠰᠢᠯᠡᠭᠦᠯᠭᠦ ᠰᠢᠨᠡᠴᠢᠯᠠᠯᠳᠠ ᠶᠢᠨ ᠵᠠᠭᠪᠤᠷ᠃ ᠲᠠᠷᠤᠢ᠂ ᠮᠠᠯᠵᠢᠬᠤ ᠲᠠᠷᠢᠶᠠᠯᠠᠬᠤ ᠤᠷᠤᠨ ᠳᠤ ᠤᠴᠢᠷ ᠶᠠᠪᠤᠳᠠᠯ | ᠪᠡᠶᠡᠯᠡᠭᠦᠯᠭᠦ ᠳᠤ ᠤᠶᠢᠷ᠎ᠠ ᠵᠠᠭᠤᠷ᠎ᠠ ᠳᠤ ᠭᠥᠢᠴᠡᠳᠭᠡᠭᠦ ᠪᠠ ᠰᠥᠯᠵᠢᠶᠡᠨ ᠲᠡᠭᠡᠷ᠎ᠡ ᠭᠥᠢᠴᠡᠳᠭᠡᠭᠦ︔ ᠠᠭᠤᠷᠬᠠᠢ ᠶᠢᠨ | ᠤᠷᠤᠨ ᠳᠤ ᠲᠠᠷᠤᠢ ᠳᠤ ᠨᠢ ᠭᠥᠢᠴᠡᠳᠭᠡᠭᠦ︔ ᠬᠤᠳᠠ ᠶᠢᠨ ᠲᠤᠭᠤᠷᠢᠭ ᠲᠤ ᠨᠢᠭᠡᠯᠡ ᠴᠤᠩᠬᠤᠪᠴᠢ ᠪᠠᠷ | ᠭᠥᠢᠴᠡᠳᠭᠡᠭᠦ ᠶᠢ ᠵᠢᠭᠠᠵᠤ ᠪᠤᠢ᠃ | 15. ︽ᠴᠠᠬᠢᠷᠮ᠎ᠠ ᠴᠢᠳᠠᠪᠤᠷᠢᠳᠠᠨ︾ ᠤ ᠢᠨᠵᠧᠨᠧᠷᠢᠩ᠄ ᠮᠠᠨ ᠤ ᠬᠤᠰᠢᠭᠤ ᠴᠢᠳᠠᠪᠤᠷᠢᠳᠠᠨ ᠭᠥᠮᠥᠵᠢᠭᠦᠯᠭᠦ | ᠪᠠ ᠤᠷᠢᠨ ᠠᠪᠴᠢᠷᠠᠬᠤ ᠶᠢᠨ ᠲᠥᠯᠥᠭᠡ ᠲᠤᠷᠠᠳᠤᠨ ᠭᠠᠷᠠᠭᠠᠭᠰᠠᠨ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ᠃ | ᠴᠢᠳᠠᠪᠤᠷᠢᠳᠠᠨ ᠭᠥᠮᠥᠵᠢᠭᠦᠯᠭᠦ ᠪᠠ ᠴᠢᠳᠠᠪᠤᠷᠢᠳᠠᠨ ᠤᠷᠢᠬᠤ ᠡᠯ᠎ᠡ ᠲᠥᠷᠥᠯ ᠤᠨ ᠠᠷᠭ᠎ᠠ ᠠᠪᠴᠠᠯ ᠢᠶᠠᠷ ᠲᠠᠮᠵᠢᠭᠤᠯᠤᠨ | ᠂ ᠨᠠᠮ ᠵᠠᠰᠠᠭ ᠤᠨ ᠠᠵᠢᠯ᠂ ᠠᠵᠤ ᠠᠬᠤᠶᠢᠯᠠᠯ ᠤᠨ ᠡᠵᠡᠩᠨᠡᠯᠳᠡ ᠬᠠᠮᠢᠶᠠᠷᠤᠯᠳᠠ ᠶᠢᠨ ᠠᠵᠢᠯ᠂ ᠲᠤᠰᠬᠠᠢ ᠮᠡᠷᠭᠡᠵᠢᠯ | ᠤᠨ ᠠᠵᠢᠯ ᠲᠥᠷᠥᠯ᠂ ᠤᠨᠴᠠ ᠲᠥᠷᠥᠯ ᠤᠨ ᠴᠢᠳᠠᠪᠤᠷᠢᠳᠠᠨ ᠤ ᠠᠵᠢᠯ᠂ ᠮᠠᠯᠵᠢᠬᠤ ᠲᠠᠷᠢᠶᠠᠯᠠᠬᠤ ᠤᠷᠤᠨ ᠳᠤ ᠬᠢ | ᠴᠢᠭᠯᠡᠯᠳᠡ ᠴᠢᠨᠠᠷ ᠲᠠᠢ ᠠᠵᠢᠯ ᠪᠤᠯᠤᠨ ᠨᠡᠶᠢᠭᠡᠮ ᠤᠨ ᠠᠵᠢᠯ ᠵᠡᠷᠭᠡ ᠲᠠᠯ᠎ᠠ ᠪᠠᠷ ᠴᠢᠳᠠᠪᠤᠷᠢᠳᠠᠳ ᠢ ᠬᠤᠷᠠᠭᠤᠯᠬᠤ | ᠬᠥᠮᠥᠵᠢᠭᠦᠯᠭᠦ ᠠᠵᠢᠯ᠃ | ᠲᠤᠳᠤᠷᠬᠠᠶᠢᠯᠠᠯ᠄ ᠨᠡᠷᠡᠰ ᠤᠨ ᠲᠠᠶᠢᠯᠪᠣᠷᠢᠯᠠᠯ ᠢ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ | ᠢᠯᠡᠷᠡᠭᠰᠡᠨ ᠲᠠᠷᠠᠭᠠᠯᠠᠯ ᠢᠶᠠᠷ ᠨᠢ ᠵᠢᠭᠰᠠᠭᠠᠪᠠ᠃ | |