ᠤᠳᠤᠭ ᠤᠨ ᠡᠮᠤᠨᠡᠳᠤ ᠬᠤᠰᠢᠭᠤᠨ ᠤ 2017 ᠤᠨ ᠤ ᠤᠯᠤᠰ ᠠᠷᠠᠤᠨ ᠤᠨ ᠠᠵᠤ ᠠᠬᠤᠢ ᠪᠤᠯᠤᠨ | ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2018 ᠤᠯᠤᠰ | ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ | ᠮᠡᠳᠡᠬᠦᠯᠤᠯᠳᠠ | — 2018 ᠤᠨ ᠤ 3 ᠰᠠᠷ᠎ᠠ ᠶᠢᠨ 20 ᠤ ᠡᠳᠤᠷ ᠤᠳᠤᠭ ᠤᠨ ᠡᠮᠤᠨᠡᠳᠤ ᠬᠤᠰᠢᠭᠤᠨ ᠤ | ᠠᠷᠪᠠᠳᠦᠭᠠᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠬᠤᠶᠠᠳᠣᠭᠠᠷ | ᠬᠤᠷᠠᠯᠳᠤᠭᠠᠨ ᠳᠡᠬᠡᠷ᠎ᠠ ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ | ᠳᠤᠪᠴᠢᠶ᠎ᠠ | ᠲᠦᠯᠤᠬᠡᠯᠡᠭᠴᠢᠤᠨ ᠡ ᠄ | ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ | ᠬᠤᠰᠢᠭᠤᠨ ᠤ 2017 ᠤᠨ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ | ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2018 ᠣᠨ ᠤ ᠤᠯᠤᠰ ᠠᠷᠠᠤᠨ ᠤᠨ ᠠᠵᠤ ᠠᠬᠤᠢ ᠪᠤᠯᠤᠨ | ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ | ᠵᠥᠪᠯᠡᠵᠥ᠂ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ | ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠬᠡ᠂ 2017 ᠤᠨ ᠤ ᠤᠯᠤᠰ ᠠᠷᠠᠤᠨ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ | ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2017 ᠣᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠷᠴᠢᠳᠦ ᠤᠳᠤᠷᠢᠳᠤᠯᠭ᠎ᠠ | ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ | ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ᠂ ᠪᠦᠬᠦ ᠬᠤᠰᠢᠭᠤ ᠪᠠᠷ ᠢᠶᠠᠨ ᠲᠦᠪ᠂ ᠣᠷᠣᠨ᠂ ᠬᠤᠳᠠ ᠶᠢᠨ ᠡᠯ᠎ᠡ | ᠰᠢᠢᠳᠪᠥᠷᠢ ᠪᠠᠶᠢᠷᠢᠰᠢᠭᠤᠯᠤᠯᠳᠠ ᠶᠢ ᠭᠥᠨᠵᠡᠭᠡᠢ ᠨᠠᠶᠢᠳᠠᠪᠦᠷᠢᠵᠢᠭᠤᠯᠣᠨ᠂ ᠲᠣᠭᠳᠠᠭᠤᠨ ᠢᠶᠠᠷ ᠣᠷᠣᠭᠰᠢᠯᠠᠬᠤ ᠠᠵᠢᠯ | ᠤᠨ ᠠᠯᠬᠤᠮ ᠢ ᠪᠠᠷᠢᠮᠳᠠᠯᠠᠵᠣ᠂ ᠰᠢᠨ᠎ᠡ ᠬᠦᠭᠵᠢᠯᠳᠡ ᠶᠢ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠬᠡᠯᠪᠡᠷᠢ | ᠪᠣᠯᠭᠠᠵᠣ᠂ ᠲᠣᠭᠳᠠᠭᠤᠨ ᠨᠡᠮᠡᠭᠳᠡᠯ᠂ ᠲᠦᠷᠦᠯ ᠵᠣᠶᠢᠯ᠂ ᠪᠦᠳᠦᠴᠡ ᠶᠢᠨ ᠲᠣᠬᠢᠷᠠᠭᠤᠯᠣᠯᠳᠠ᠂ ᠦᠭᠡᠷᠡᠴᠢᠯᠡᠯᠳᠡ | ᠨᠡᠭᠡᠭᠡᠯᠳᠡ᠂ ᠠᠷᠠᠳ ᠤᠨ ᠠᠮᠢᠳᠣᠷᠠᠯ ᠤᠨ ᠬᠠᠷᠠᠭᠠᠯᠵᠠᠯ᠂ ᠲᠣᠭᠳᠠᠭᠤᠨ ᠢ ᠪᠠᠳᠣᠯᠠᠬᠤ ᠳᠤ ᠬᠦᠴᠤᠯᠡᠵᠤ᠂ | ᠬᠦᠭᠵᠢᠯᠳᠡ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠲᠡᠭᠡᠭᠰᠢᠯᠡᠭᠦᠯᠵᠣ᠂ ᠠᠵᠣ ᠠᠬᠤᠢ ᠨᠡᠶᠢᠭᠡᠮ ᠤᠨ ᠡᠷᠡᠭᠦᠯ | ᠬᠦᠭᠵᠢᠯᠳᠡ ᠶᠢ ᠪᠠᠳᠣᠯᠠᠵᠣ᠂ ᠬᠤᠰᠢᠭᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠵᠢᠷᠭᠤᠳᠦᠭᠠᠷ ᠬᠤᠷᠠᠯᠳᠣᠭᠠᠨ ᠠᠴᠠ ᠲᠣᠭᠳᠠᠭᠠᠭᠰᠠᠨ ᠡᠯ᠎ᠡ ᠬᠠᠷᠠᠯᠳᠠ ᠡᠭᠦᠷᠭᠡ ᠪᠠᠨ ᠠᠮᠵᠢᠯᠳᠠ | ᠲᠠᠢ ᠪᠡᠶᠡᠯᠡᠭᠦᠯᠪᠡ᠃ | ︵ᠨᠢᠭᠡ︶ ᠦᠷ᠎ᠡ ᠠᠰᠢᠭᠳᠦ ᠪᠡᠯᠡ ᠣᠷᠣᠭᠤᠯᠣᠯᠳᠠ ᠶᠢ ᠢᠳᠡᠪᠬᠢᠳᠡᠢ ᠠᠬᠢᠭᠤᠯᠣᠨ᠂ ᠠᠵᠣ ᠠᠬᠤᠢ ᠶᠢᠨ | ᠡᠷᠬᠢᠯᠳᠡ ᠶᠢᠨ ᠶᠡᠷᠦᠩᠭᠡᠢ ᠴᠣᠭᠴᠠ ᠶᠢ ᠲᠣᠭᠳᠠᠪᠦᠷᠢᠵᠢᠭᠤᠯᠪᠠ᠃ ᠠᠵᠣ ᠠᠬᠤᠢ ᠶᠢᠨ ᠡᠷᠬᠢᠯᠳᠡ ᠶᠢᠨ | ᠲᠣᠬᠢᠷᠠᠭᠤᠯᠣᠯᠳᠠ ᠵᠠᠳᠠᠯᠣᠯᠳᠠ ᠪᠠᠨ ᠴᠢᠩᠭᠠᠳᠬᠠᠨ᠂ ᠠᠵᠣ ᠠᠬᠤᠢ ᠶᠢᠨ ᠲᠣᠭᠳᠠᠭᠤᠨ ᠨᠡᠮᠡᠭᠳᠡᠯ ᠳᠤ ᠰᠢᠰᠲ᠋ᠧᠮ ᠲᠠᠢ | ᠪᠣᠳᠣᠯᠭ᠎ᠠ ᠠᠷᠭ᠎ᠠ ᠬᠡᠮᠵᠢᠶ᠎ᠡ ᠠᠪᠤᠪᠠ᠃ ᠲᠦᠷᠦᠯ ᠵᠣᠶᠢᠯ ᠤᠨ ᠪᠠᠶᠢᠭᠤᠯᠣᠯᠳᠠ ᠪᠠᠷ ᠪᠡᠯᠡ ᠣᠷᠣᠭᠤᠯᠣᠯᠳᠠ ᠶᠢ | ᠲᠠᠶᠢᠴᠢᠯᠠᠵᠤ᠂ ᠪᠡᠯᠡ ᠣᠷᠣᠭᠤᠯᠣᠯᠳᠠ ᠶᠢᠨ ᠲᠣᠭᠳᠠᠭᠤᠨ ᠨᠡᠮᠡᠭᠳᠡᠯ᠂ ᠲᠦᠷᠦᠯ ᠵᠣᠶᠢᠯ ᠤᠨ ᠰᠢᠪᠳᠤᠯᠤᠯᠳᠠ ᠶᠢ | ᠲᠦᠪᠯᠡᠷᠡᠭᠦᠯᠦᠨ ᠠᠳᠬᠤᠵᠣ᠂ ᠪᠦᠬᠦ ᠵᠢᠯ ᠳᠤ 100 ᠲᠦᠷᠦᠯ ᠵᠣᠶᠢᠯ ᠢ ᠬᠡᠷᠡᠭᠵᠢᠭᠦᠯᠵᠣ᠂ ᠶᠡᠷᠦᠩᠬᠡᠢ ᠪᠡᠯᠡ | ᠣᠷᠣᠭᠤᠯᠣᠯᠳᠠ 550.79 ᠳ᠋ᠦᠩᠰᠢᠭᠤᠷ ᠲᠦᠬᠦᠷᠢᠭ᠂ 2017 ᠣᠨ ᠳᠤ 181.04 ᠳ᠋ᠦᠩᠰᠢᠭᠤᠷ ᠲᠦᠬᠦᠷᠢᠭ | ᠤᠨ ᠪᠡᠯᠡ ᠣᠷᠣᠭᠤᠯᠣᠯᠳᠠ ᠶᠢ ᠪᠡᠶᠡᠯᠡᠭᠦᠯᠪᠡ᠃ ᠡᠭᠦᠨ ᠳᠤ᠂ ᠬᠤᠳᠠ ᠶᠢᠨ ᠲᠡᠰ ᠤᠨ ᠳ᠋ᠦᠩᠰᠢᠭᠤᠷ ᠲᠦᠬᠦᠷᠢᠭ | ᠠᠴᠠ ᠲᠡᠭᠡᠭᠰᠢᠬᠢ ᠴᠢᠬᠤᠯᠠ ᠲᠦᠷᠦᠯ ᠵᠣᠶᠢᠯ 17᠂ ᠠᠵᠢᠯ ᠰᠡᠷᠭᠦᠭᠡᠯᠳᠡ ᠶᠢᠨ ᠨᠣᠷᠮ᠎ᠠ 100 % ᠳᠤ ᠬᠦᠷᠴᠦ᠂ | ᠪᠡᠯᠡ ᠣᠷᠣᠭᠤᠯᠣᠯᠳᠠ 162.15 ᠳ᠋ᠦᠩᠰᠢᠭᠤᠷ ᠲᠦᠬᠦᠷᠢᠭ ᠢ ᠪᠡᠶᠡᠯᠡᠭᠦᠯᠪᠡ᠃ ᠭᠠᠵᠠᠷ ᠤᠷᠤᠨ ᠤ ᠥᠢᠯᠡᠳᠪᠥᠷᠢᠯᠡᠯ | ᠤᠨ ᠶᠡᠷᠥᠩᠭᠡᠢ ᠥᠷᠳᠡᠭ 5.8% ᠨᠡᠮᠡᠭᠳᠡᠵᠣ᠂ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 8.9% | ᠨᠡᠮᠡᠭᠳᠡᠵᠣ᠂ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ 7% | ᠨᠡᠮᠡᠭᠳᠡᠪᠠ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 8.01 ᠳ᠋ᠦᠩᠰᠢᠭᠤᠷ ᠲᠦᠬᠦᠷᠢᠭ᠂ | ᠪᠦᠬᠦ ᠬᠤᠳᠠ ᠶᠢᠨ ᠨᠢᠭᠡᠳᠥᠯᠳᠡᠢ ᠪᠠᠷᠢᠮᠵᠢᠶ᠎ᠠ ᠪᠠᠷ 4.71% ᠨᠡᠮᠡᠭᠳᠡᠪᠡ︔ ᠬᠤᠳᠠ ᠬᠦᠳᠡᠭᠡ ᠶᠢᠨ ᠪᠠᠶᠢᠩᠭᠤ | ᠰᠠᠭᠤᠭ᠎ᠠ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ 41537 ᠲᠦᠬᠦᠷᠢᠭ ᠪᠠ 16929 | ᠲᠦᠬᠦᠷᠢᠭ ᠲᠤ ᠬᠦᠷᠴᠤ᠂ 8.4% ᠪᠠ 8.5% ᠨᠡᠮᠡᠭᠳᠡᠪᠠ᠃ ᠭᠤᠣᠯ ᠵᠢᠭᠠᠯᠲᠠ ᠶᠢᠨ ᠲᠦᠰᠦᠪ ᠲᠤ | ᠨᠡᠶᠢᠴᠡᠭᠰᠡᠨ ᠨᠡᠮᠡᠭᠳᠡᠯ ᠬᠤᠷᠳᠣᠴᠠ ᠪᠦᠬᠦ ᠬᠤᠲᠠ ᠶᠢᠨ ᠲᠡᠷᠢᠬᠦᠨ ᠤ ᠡᠩᠨᠡᠬᠡᠨ ᠳᠤ ᠣᠷᠣᠪᠠ᠃ | ︵ᠬᠤᠶᠠᠷ︶ ᠬᠥᠭᠵᠢᠯᠳᠡ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠲᠥᠷᠭᠡᠳᠭᠡᠨ᠂ ᠠᠵᠤ ᠤᠶᠢᠯᠡᠰ ᠤᠨ | ᠬᠡᠯᠪᠠᠷᠢ ᠶᠢ ᠬᠤᠪᠢᠷᠠᠭᠤᠯᠣᠨ ᠳᠡᠰ ᠲᠠᠪᠰᠢᠭᠤᠯᠬᠤ ᠬᠤᠷᠳᠤᠴᠠ ᠶᠢ ᠠᠬᠢᠭᠤᠯᠪᠠ᠃ ᠲᠣᠭᠳᠠᠭᠤᠨ ᠨᠡᠮᠡᠭᠳᠡᠯ᠂ | ᠪᠦᠳᠦᠴᠡ ᠶᠢᠨ ᠲᠣᠬᠢᠷᠠᠭᠤᠯᠣᠯᠳᠠ ᠶᠢ ᠣᠷᠭᠠᠨᠢᠭ ᠢᠶᠠᠷ ᠣᠶᠠᠯᠳᠣᠭᠤᠯᠣᠨ᠂ ᠠᠵᠣ ᠠᠬᠤᠢ ᠶᠢᠨ ᠪᠦᠳᠦᠴᠠ ᠶᠢᠨ | ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠲᠣᠬᠢᠷᠠᠭᠤᠯᠣᠯᠳᠠ ᠶᠢ ᠲᠦᠷᠭᠡᠳᠬᠡᠵᠣ᠂ ᠠᠵᠣ ᠣᠶᠢᠯᠠᠳᠪᠦᠷᠢᠯᠡᠯ ᠢ | ᠬᠦᠴᠦᠷᠭᠡᠭᠵᠢᠭᠦᠯᠬᠦ᠂ ᠮᠠᠯ ᠲᠠᠷᠢᠶᠠᠯᠠᠩ ᠤᠨ ᠣᠶᠢᠯᠠᠰ ᠢ ᠪᠣᠵᠠᠭᠠᠶᠢᠷᠠᠭᠤᠯᠬᠤ᠂ ᠣᠶᠢᠯᠡᠴᠢᠯᠡᠭᠡᠨ ᠤ ᠣᠶᠢᠯᠠᠰ ᠢ | ᠰᠢᠯᠢᠳᠡᠭᠵᠢᠭᠦᠯᠬᠦ ᠶᠢ ᠬᠦᠴᠤᠳᠠᠢ ᠠᠬᠢᠭᠤᠯᠪᠠ᠃ ᠠᠵᠣ ᠣᠶᠢᠯᠠᠳᠪᠦᠷᠢ ᠶᠢᠨ ᠠᠵᠣ ᠠᠬᠤᠢ ᠲᠣᠭᠳᠠᠭᠤᠨ ᠢᠶᠠᠷ | ᠠᠬᠢᠪᠠ᠃ ᠬᠡᠪᠴᠢᠶᠡᠵᠢᠯ ᠠᠴᠠ ᠲᠡᠭᠡᠭᠰᠢᠬᠢ ᠠᠵᠣ ᠣᠶᠢᠯᠠᠳᠪᠦᠷᠢ ᠠᠳᠠᠯᠢ ᠬᠤᠭᠤᠴᠠᠭᠠᠨ ᠤ ᠬᠢ ᠠᠴᠠ 9.5% | ᠨᠡᠮᠡᠭᠳᠡᠪᠡ᠃ ᠨᠡᠭᠦᠷᠡᠰᠣᠨ ᠭᠠᠷᠤᠯᠳᠠ 642.7 ᠲᠦᠮᠡᠨ ᠲᠣᠨ ᠳᠤ ᠬᠦᠷᠴᠦ᠂ 114.1 ᠲᠦᠮᠡᠨ ᠲᠣᠨ | ᠬᠡᠣᠷᠰᠢᠭᠦᠯᠵᠣ᠂ ᠲᠣᠰᠪᠦᠷᠢ 66.4% ᠪᠠ 169.7% ᠨᠡᠮᠡᠭᠳᠡᠪᠡ︔ ᠰᠢᠳᠠᠮᠠᠬᠠᠢ ᠬᠡᠢ ᠶᠢᠨ ᠭᠠᠷᠣᠯᠳᠠ 45. | 54 ᠳ᠋ᠦᠩᠰᠢᠭᠤᠷ ᠺᠦᠪ ᠮᠧᠲᠷ ᠬᠦᠷᠴᠦ᠂ 16.4% ᠨᠡᠮᠡᠭᠳᠡᠪᠡ︔ ᠠᠵᠣ ᠣᠶᠢᠯᠠᠳᠪᠦᠷᠢ ᠳᠤ 6.3 | ᠳ᠋ᠦᠩᠰᠢᠭᠤᠷ ᠭᠷᠡᠳᠦ᠋ᠰ ᠴᠠᠬᠢᠯᠭᠠᠨ ᠬᠡᠷᠡᠭᠯᠡᠨ᠂ 20% ᠨᠡᠮᠡᠭᠳᠡᠪᠡ᠃ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ | ᠰᠠᠭᠤᠷᠢᠨ ᠭᠠᠵᠠᠷ ᠤᠨ ᠪᠣᠷᠣᠯᠠᠭᠤᠯᠭ᠎ᠠ ᠶᠢᠨ ᠣᠷᠣᠯᠭ᠎ᠠ ᠶᠢ 160 ᠳ᠋ᠦᠩᠰᠢᠭᠤᠷ ᠲᠦᠬᠦᠷᠢᠭ ᠪᠡᠶᠡᠯᠡᠬᠦᠯᠵᠤ᠂ 6% | ᠨᠡᠮᠡᠭᠳᠡᠪᠠ᠃ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ ᠬᠦᠷᠬᠡᠯᠳᠠ ᠶᠢᠨ ᠱᠤᠭᠤᠮ ᠦᠨᠳᠦᠰᠦᠨ | ᠳᠤ ᠪᠠᠨ ᠪᠠᠷᠢᠯᠭ᠎ᠠ ᠲᠠᠭᠤᠰᠴᠦ᠂ 4 ᠲᠦᠬᠦᠷ ᠴᠠᠬᠢᠯᠭᠠᠨ ᠣᠶᠢᠯᠠᠳᠪᠦᠷᠢ ᠶᠢᠨ ᠲᠦᠷᠦᠯ ᠵᠣᠶᠢᠯ ᠤᠨ 3 ᠨᠢ ᠨᠢᠭᠡᠨᠳᠡ | ᠴᠣᠬᠤᠯᠠᠪᠦᠷᠢᠯᠠᠭᠳᠠᠵᠣ᠂ 2 ᠨᠢ ᠪᠠᠷᠢᠯᠭ᠎ᠠ ᠡᠬᠢᠯᠡᠪᠡ᠂ 9 ᠲᠦᠬᠦᠷ ᠨᠡᠭᠦᠷᠡᠰᠣᠨ ᠠᠭᠤᠷᠬᠠᠢ ᠶᠢᠨ 6 ᠶᠢ ᠨᠢ | ᠪᠠᠶᠢᠭᠤᠯᠵᠣ᠂ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ | ᠲᠦᠷᠦᠯ ᠵᠣᠶᠢᠯ ᠨᠢᠭᠡᠨᠳᠡ ᠬᠢᠨᠠᠨ ᠵᠦᠪᠰᠢᠶᠡᠷᠡᠭᠳᠡᠬᠦ ᠨᠦᠭᠦᠴᠡᠯ ᠪᠦᠷᠢᠳᠴᠦ᠂ LNG ᠲᠦᠷᠦᠯ ᠵᠣᠶᠢᠯ ᠤᠨ | ᠶᠡᠷᠦᠩᠬᠡᠢ ᠲᠦᠯᠦᠪᠵᠢᠭᠦᠯᠭᠡ 120 ᠲᠦᠮᠡᠨ ᠲᠣᠨ ᠳᠤ ᠬᠦᠷᠴᠦ᠂ ᠨᠡᠭᠦᠷᠡᠰᠣᠨ ᠰᠣᠷᠪᠣᠯᠵᠢ ᠪᠠᠷ ᠰᠠᠭᠤᠷᠢᠯᠠᠭᠤᠯᠣᠨ | ᠣᠯᠠᠨ ᠡᠰᠢᠭᠦᠯᠵᠣ ᠬᠤᠪᠢᠷᠠᠭᠤᠯᠬᠤ ᠬᠡᠯᠬᠢᠶᠡᠵᠢᠯ ᠣᠷᠳᠣᠣᠰᠬᠠᠯ ᠴᠢᠳᠠᠮᠵᠢ ᠪᠦᠬᠦᠢ ᠬᠦᠭᠵᠢᠯᠳᠡ ᠶᠢᠨ ᠲᠣᠭᠳᠠᠴᠠ ᠶᠢ | ᠪᠦᠷᠢᠯᠳᠦᠭᠦᠯᠪᠡ᠃ ᠣᠳᠣ ᠦᠶ᠎ᠡ ᠶᠢᠨ ᠮᠠᠯ ᠲᠠᠷᠢᠶᠠᠯᠠᠩ ᠤᠨ ᠲᠣᠭᠳᠠᠭᠤᠨ ᠢ ᠪᠠᠳᠣᠯᠠᠪᠠ᠃ ︽ᠲᠡᠰ ᠴᠢᠨᠠᠷᠳᠦ ᠮᠡᠯ | ᠲᠠᠷᠢᠶᠠᠯᠠᠩ᠂ ᠬᠡᠪ ᠴᠢᠨᠰᠠᠭᠠᠳᠦ ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠳᠠᠢ ᠮᠠᠯᠴᠢᠨ ᠲᠠᠷᠢᠶᠠᠴᠢᠨ︾ ᠤ | ᠰᠢᠨ᠎ᠡ ᠶᠢ ᠡᠭᠦᠳᠬᠦ ᠪᠣᠯᠪᠠᠰᠣᠷᠠᠯ ᠬᠦᠮᠦᠵᠢᠯ ᠤᠨ ᠠᠵᠢᠯᠯᠠᠭ᠎ᠠ ᠦᠷᠨᠢᠭᠦᠯᠪᠡ᠃ ᠦᠵᠡᠰᠬᠦᠯᠡᠩᠳᠤ ᠬᠦᠳᠡᠭᠡ ᠨᠤᠳᠤᠭ | ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠤᠪᠯᠡᠭᠡ ᠶᠢ ᠬᠦᠨᠵᠡᠬᠡᠢ ᠦᠷᠨᠢᠭᠦᠯᠦᠨ᠂ ᠪᠦᠬᠦ ᠬᠤᠰᠢᠭᠤᠨ ᠤ | ᠮᠠᠯᠵᠢᠬᠤ ᠲᠠᠷᠢᠶᠠᠯᠠᠬᠤ ᠣᠷᠣᠨ ᠤ ᠣᠷᠣᠨ ᠬᠡᠪᠴᠢᠶᠡᠨ ᠤ ᠶᠡᠷᠦᠩᠬᠡᠢ ᠲᠦᠯᠦᠪᠵᠢᠭᠦᠯᠭᠡ ᠪᠣᠯᠣᠨ ᠦᠵᠡᠰᠭᠦᠯᠡᠩᠳᠦ | ᠰᠠᠶᠢᠬᠠᠨ ᠬᠦᠳᠡᠭᠡ ᠨᠣᠳᠤᠭ ᠤᠨ ᠪᠠᠶᠢᠭᠤᠯᠣᠯᠳᠠ ᠶᠢᠨ ᠲᠦᠯᠦᠪᠵᠢᠭᠦᠯᠭᠡ ᠢ ᠲᠣᠭᠳᠠᠭᠠᠵᠣ᠂ ᠶᠡᠭᠡ ᠳᠤᠬᠤᠢ ᠵᠡᠷᠬᠡ | 10 ᠭᠠᠴᠠᠭ᠎ᠠ ᠳᠤᠰᠬᠤᠨ ᠤ ᠰᠤᠳᠤᠨ ᠵᠢᠭᠤᠯᠴᠢᠯᠠᠯ ᠤᠨ ᠳᠠᠭᠤᠷᠢᠶᠠᠯ ᠭᠠᠴᠠᠭ᠎ᠠ ᠲᠣᠰᠬᠤᠨ ᠪᠠ 100 ᠠᠶᠢᠯ | ᠡᠷᠤᠬᠡ ᠶᠢᠨ ᠰᠤᠳᠤᠨ ᠵᠢᠭᠤᠯᠴᠢᠯᠠᠯ ᠤᠨ ᠴᠡᠭ ᠢ ᠡᠬᠢᠯᠡᠨ ᠪᠠᠶᠢᠭᠤᠯᠪᠠ᠃ ︽ᠵᠢᠷᠭᠤᠭᠠᠵᠢᠭᠰᠠᠨ ᠬᠤᠯᠪᠣᠭᠠᠯᠠᠯ︾ | ᠢ ᠪᠠᠷᠢᠮᠳᠠᠯᠠᠨ᠂ ᠶᠢᠨ ᠸᠧᠢ ᠹᠦ᠋ ᠷᠧᠨ᠂ ᠢᠥᠢ ᠯᠢᠶᠠᠩ ᠮᠠᠯ ᠠᠵᠤ ᠠᠬᠤᠢ ᠶᠢᠨ ᠤᠶᠢᠯᠡᠰ ᠵᠡᠷᠭᠡ ᠲᠣᠯᠣᠭᠠᠶᠢᠯᠠᠭᠴᠢ | ᠵᠢᠱᠢᠶᠡᠴᠢ ᠠᠵᠣ ᠠᠬᠤᠶᠢᠯᠠᠯ ᠢ ᠪᠣᠶᠢᠵᠢᠭᠤᠯᠵᠣ᠂ 140 ᠲᠡᠵᠢᠭᠡᠨ ᠦᠷᠡᠵᠢᠭᠦᠯᠭᠡ ᠶᠢᠨ ᠡᠷᠦᠬᠡ᠂ ᠠᠮᠢ ᠠᠬᠤᠶᠢᠴᠢ | ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠤᠶᠢᠵᠢᠭᠤᠯᠤᠨ᠂ ᠦᠨᠳᠦᠷ ᠠᠰᠢᠭᠳᠦ ᠠᠷᠪᠢᠳᠠᠢ | ᠣᠰᠣᠯᠠᠯᠳᠠ ᠶᠢᠨ ᠣᠳᠣ ᠦᠶ᠎ᠡ ᠶᠢᠨ ᠲᠠᠷᠢᠶᠠᠯᠠᠩ ᠤᠨ ᠣᠶᠢᠯᠠᠰ ᠤᠨ ᠰᠠᠭᠤᠷᠢᠨ ᠭᠠᠵᠠᠷ 73.8 ᠲᠦᠮᠡᠨ ᠮᠣ᠋ | ᠬᠦᠷᠴᠦ᠂ ᠲᠣᠰᠬᠠᠢ ᠬᠤᠷᠰᠢᠶᠠᠵᠢᠯ ᠤᠨ ᠨᠡᠶᠢᠭᠡᠮᠯᠢᠭ 30 ᠨᠡᠮᠡᠭᠳᠡᠨ᠂ 7093 ᠡᠷᠥᠭᠡ ᠶᠢ ᠲᠠᠶᠢᠴᠢᠯᠠᠨ | ᠲᠠᠭᠠᠭᠤᠯᠪᠠ᠃ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠥ ᠪᠣᠷᠳᠣᠭᠠᠨ ᠤ ᠬᠠᠷᠢᠴᠠᠯ ᠢ 54᠄ 18᠄ | 28 ᠪᠠᠷ ᠰᠢᠯᠢᠳᠡᠭᠵᠢᠭᠦᠯᠵᠣ᠂ ᠵᠢᠯ ᠤᠨ ᠪᠤᠷᠤᠯᠠᠭᠤᠯᠭ᠎ᠠ ᠶᠢᠨ ᠳᠤᠭ᠎ᠠ ᠳᠤᠯᠤᠭᠠᠢ ᠶᠢ 143 ᠲᠦᠮᠡ ᠳᠠᠪᠠᠭᠤᠯᠵᠤ᠂ | ᠮᠠᠯ ᠲᠠᠷᠢᠶᠠᠯᠠᠩ ᠤᠨ ᠮᠠᠰᠢᠨᠴᠢᠯᠠᠭᠰᠡᠨ ᠶᠡᠷᠦᠩᠬᠡᠢ ᠠᠵᠢᠯᠯᠠᠮᠵᠢ 85%᠂ ᠰᠢᠨᠵᠢᠯᠡᠭᠡ ᠮᠡᠷᠭᠡᠵᠢᠯ ᠤᠨ ᠮᠠᠯ | ᠲᠠᠷᠢᠶᠠᠯᠠᠩ ᠳᠤ ᠦᠵᠡᠭᠦᠯᠦᠭᠰᠡᠨ ᠬᠤᠪᠢ ᠨᠡᠮᠡᠷᠢ 70% ᠬᠦᠷᠴᠦ᠂ ᠮᠠᠯ ᠲᠠᠷᠢᠶᠠᠯᠠᠩ ᠤᠨ ᠰᠠᠭᠤᠷᠢ ᠶᠢ ᠨᠡᠩ | ᠪᠠᠬᠢᠵᠢᠭᠦᠯᠪᠡ᠃ ᠣᠳᠣ ᠦᠶ᠎ᠡ ᠶᠢᠨ ᠣᠶᠢᠯᠡᠴᠢᠯᠡᠭᠡᠨ ᠤ ᠣᠶᠢᠯᠠᠰ ᠲᠣᠭᠳᠠᠭᠤᠨ ᠢᠶᠠᠷ ᠲᠡᠭᠡᠭᠰᠢᠯᠡᠪᠡ᠃ ᠣᠳᠣ ᠦᠶ᠎ᠡ | ᠶᠢᠨ ᠣᠶᠢᠯᠡᠴᠢᠯᠡᠭᠡᠨ ᠤ ᠣᠶᠢᠯᠠᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠨᠠᠶᠢᠷᠠᠭᠤᠯᠣᠨ ᠲᠣᠭᠳᠠᠭᠠᠪᠠ᠃ | ᠦᠨᠳᠦᠷ ᠬᠡᠪ ᠴᠢᠨᠰᠠᠭᠠᠳᠤ᠂ ᠦᠨᠳᠦᠷ ᠪᠠᠷᠢᠮᠵᠢᠶᠠᠳᠦ ︽1 + 6︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ | ᠰᠠᠭᠤᠷᠢᠨ ᠢ ᠪᠠᠶᠢᠭᠤᠯᠵᠣ᠂ ᠪᠣᠷᠣᠪᠠᠯᠭᠠᠰᠦ ᠶᠢᠨ ᠦᠨᠳᠦᠰᠦᠳᠡᠨ ᠤ ᠺᠠᠳ᠋ᠷᠴᠣᠳ ᠤᠨ ᠲᠡᠭᠡᠳᠦ ᠰᠣᠷᠭᠠᠭᠤᠯᠢ ᠶᠢ | ᠭᠤᠶᠣᠪᠴᠢᠯᠠᠨ ᠪᠠᠶᠢᠭᠤᠯᠵᠣ᠂ ᠣᠷᠣᠨ ᠤ ᠲᠣᠳᠣᠨ᠎ᠠ ᠭᠠᠳᠠᠨᠠᠬᠢ ᠵᠢᠭᠤᠯᠴᠢᠯᠠᠭᠴᠢᠳ ᠪᠣᠯᠣᠨ ᠰᠤᠷᠤᠯᠴᠠᠭᠴᠢ ᠶᠢ | 12 ᠲᠦᠮᠡᠨ ᠬᠦᠮᠦᠨ ᠣᠳᠠᠭ᠎ᠠ ᠬᠦᠯᠢᠶᠡᠨ ᠠᠪᠴᠦ᠂ ᠣᠷᠣᠨ ᠬᠡᠪᠴᠢᠶᠡᠨ ᠤ ᠨᠦᠯᠦᠭᠡᠯᠡᠯ ᠪᠠ ᠨᠡᠷ᠎ᠡ ᠠᠯᠳᠠᠷᠰᠢᠯ ᠢ | ᠣᠯᠠᠮ ᠲᠡᠭᠡᠭᠰᠢᠯᠡᠭᠦᠯᠪᠡ᠃ ᠪᠦᠬᠦ ᠴᠠᠷᠠᠭᠠᠨ ᠤ ᠵᠢᠭᠤᠯᠴᠢᠯᠠᠯ ᠤᠨ ᠬᠦᠭᠵᠢᠯᠳᠡ ᠶᠢᠨ ᠲᠣᠭᠳᠠᠴᠠ ᠶᠢ ᠬᠦᠴᠦᠯᠠᠨ | ᠪᠦᠷᠢᠯᠳᠦᠭᠦᠯᠵᠣ᠂ ᠭᠤᠯᠣᠮᠲᠠ ᠭᠠᠯ ᠰᠣᠶᠣᠯ ᠤᠨ ᠨᠠᠶᠢᠷ᠂ ᠴᠠᠬᠢᠷᠮ᠎ᠠ ᠴᠡᠴᠡᠭ ᠤᠨ ᠨᠠᠶᠢᠷ ᠵᠡᠷᠬᠡ ᠲᠣᠮᠣ ᠬᠡᠯᠪᠡᠷᠢ | ᠶᠢᠨ ᠪᠠᠶᠠᠷ ᠨᠠᠶᠢᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ᠂ ᠭᠠᠵᠠᠷ ᠣᠷᠣᠨ ᠤ ᠠᠯᠳᠠᠷᠰᠢᠯ ᠪᠣᠯᠣᠨ | ᠨᠦᠯᠦᠬᠡᠯᠡᠬᠦ ᠬᠦᠴᠦᠨ ᠢᠯᠡᠳᠲᠡ ᠲᠡᠭᠡᠭᠰᠢᠯᠡᠪᠡ᠃ ᠵᠢᠭᠤᠯᠴᠢᠯᠠᠯ ᠤᠨ ᠶᠡᠷᠣᠩᠬᠡᠢ ᠣᠷᠣᠯᠭ᠎ᠠ 30.5 ᠳ᠋ᠦᠩᠰᠢᠭᠤᠷ | ᠲᠦᠬᠦᠷᠢᠭ ᠬᠦᠷᠴᠣ᠂ 26.5% ᠨᠡᠮᠡᠭᠳᠡᠪᠡ᠃ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠬᠦᠨᠵᠡᠭᠡᠢ | ᠬᠡᠷᠡᠭᠵᠢᠬᠦᠯᠵᠣ᠂ ᠲᠣᠮᠳᠠᠳᠣ ᠣᠯᠣᠰ ᠤᠨ ᠸᠠᠩ ᠺᠦ᠋᠂ ᠯᠧ ᠼᠦᠨ ᠲᠣᠣ ᠵᠡᠷᠬᠡ ᠪᠦᠬᠦ ᠣᠯᠣᠰ ᠤᠨ ᠨᠡᠷᠡᠲᠣ | ᠰᠦᠯᠵᠢᠶᠡᠨ ᠬᠤᠳᠠᠯᠳᠣᠭᠠᠨ ᠤ ᠲᠠᠪᠴᠠᠩ ᠢ ᠣᠷᠣᠭᠤᠯᠵᠣ᠂ ︽ᠲᠣᠮᠳᠠᠳᠣ ᠣᠯᠣᠰ ᠤᠨ ᠮᠠᠯ ᠤᠨ ᠮᠢᠬᠠᠨ ᠤ ᠠᠵᠣ | ᠦᠢᠯᠡᠰ ᠤᠨ ᠰᠦᠯᠵᠢᠶᠡᠨ ᠬᠤᠳᠠᠯᠳᠣᠭᠠᠨ ᠤ ᠲᠦᠷᠦᠯ ᠵᠦᠢᠯ︾ ᠢ ᠪᠠᠶᠢᠭᠤᠯᠵᠣ᠂ 17 ᠰᠦᠯᠵᠢᠶᠡᠨ ᠬᠤᠳᠠᠯᠳᠣᠭᠠᠨ | ᠤ ᠲᠠᠪᠴᠠᠩ ᠤᠨ ᠪᠣᠷᠣᠯᠠᠭᠤᠯᠣᠯᠳᠠ 2.2 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃ ᠪᠦᠬᠦ ᠬᠤᠰᠢᠭᠤᠨ ᠤ | ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ ᠶᠢᠨ ᠦᠯᠡᠳᠡᠪᠦᠷᠢ 46 | ᠳ᠋ᠦᠩᠰᠢᠭᠤᠷ ᠲᠦᠬᠦᠷᠢᠭ ᠬᠦᠷᠴᠦ᠂ 16.27% ᠨᠡᠮᠡᠭᠳᠡᠪᠡ︔ ᠡᠯ᠎ᠡ ᠲᠦᠷᠦᠯ ᠤᠨ ᠵᠢᠭᠡᠯᠡᠯᠭᠡ 31.64 | ᠳ᠋ᠦᠩᠰᠢᠭᠤᠷ ᠲᠦᠬᠦᠷᠢᠭ ᠬᠦᠷᠴᠦ᠂ 5.71% ᠨᠡᠮᠡᠭᠳᠡᠪᠡ᠃ ᠠᠵᠠᠳᠠᠢ ᠡᠷᠡᠭᠦᠯᠵᠢᠯ ᠰᠣᠪᠢᠯᠠᠯ ᠤᠨ ᠬᠦᠷᠢᠶᠠᠯᠠᠩ | ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠡᠮᠴᠢᠯᠡᠭᠡ ᠰᠣᠪᠢᠯᠠᠯ ᠢ ᠣᠶᠠᠯᠳᠣᠭᠤᠯᠣᠭᠰᠠᠨ ᠲᠠᠭᠤᠷᠢᠶᠠᠯ | ᠲᠣᠷᠰᠢᠯᠳᠠ ᠶᠢᠨ ᠴᠡᠭ ᠢᠶᠠᠷ ᠦᠨᠡᠯᠡᠭᠳᠡᠵᠣ᠂ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠤᠨ ᠠᠵᠣ ᠠᠬᠤᠢ | ᠡᠳᠦᠷ ᠢᠷᠡᠬᠦᠶ᠎ᠡ ᠲᠡᠭᠡᠭᠰᠢᠯᠡᠵᠣ ᠪᠣᠢ᠃ ᠭᠤᠷᠪᠠᠳᠣᠭᠠᠷ ᠠᠵᠣ ᠣᠶᠢᠯᠠᠰ ᠤᠨ ᠪᠦᠳᠦᠴᠡ ᠶᠢ ᠦᠷᠭᠦᠯᠵᠢᠯᠡᠨ | ᠰᠢᠯᠢᠳᠡᠭᠵᠢᠭᠦᠯᠵᠣ᠂ ᠬᠦᠳᠡᠯᠭᠡᠭᠴᠢ ᠬᠦᠴᠦᠨ ᠲᠠᠢ ᠠᠮᠢᠳᠣᠯᠢᠭ ᠬᠦᠴᠦᠨ ᠪᠦᠬᠦᠢ ᠶᠢᠨ ᠣᠳᠦ ᠦᠶ᠎ᠡ ᠶᠢᠨ ᠠᠵᠣ | ᠣᠶᠢᠯᠠᠰ ᠤᠨ ᠲᠣᠭᠳᠠᠴᠠ ᠶᠢ ᠪᠦᠷᠢᠯᠳᠦᠭᠦᠯᠵᠣ ᠪᠣᠢ᠃ | ︵ᠭᠤᠷᠪᠠ︶ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ | ᠲᠡᠭᠦᠯᠳᠡᠷᠵᠢᠭᠦᠯᠦᠨ᠂ ᠬᠦᠭᠵᠢᠯᠳᠡ ᠶᠢᠨ ᠡᠷᠴᠢᠮ ᠢ ᠲᠠᠰᠣᠷᠠᠯᠳᠠ ᠦᠭᠡᠢ ᠰᠢᠯᠢᠳᠡᠭᠵᠢᠭᠦᠯᠪᠡ᠃ ᠬᠤᠳᠠ ᠪᠠᠯᠭᠠᠰᠣᠨ | ᠤ ᠣᠶᠢᠯᠡᠴᠢᠯᠡᠭᠡᠨ ᠤ ᠴᠢᠳᠠᠪᠬᠢ ᠪᠣᠯᠣᠨ ᠠᠴᠢᠶᠠᠯᠠᠬᠤ ᠴᠢᠳᠠᠪᠬᠢ ᠶᠢ ᠲᠡᠭᠡᠭᠰᠢᠯᠡᠭᠦᠯᠦᠨ᠂ ᠪᠦᠬᠦ ᠣᠯᠣᠰ ᠤᠨ | ᠰᠢᠶᠠᠨ ᠤ ᠲᠡᠰ ᠤᠨ ᠪᠣᠯᠪᠠᠰᠣᠨ ᠬᠤᠳᠠ ᠪᠠ ᠣᠯᠣᠰ ᠤᠨ ᠴᠡᠴᠡᠷᠯᠢᠭᠵᠢᠭᠦᠯᠭᠡ ᠶᠢᠨ ᠬᠤᠰᠢᠭᠤ ᠰᠢᠶᠠᠨ ᠢ ᠠᠮᠵᠢᠯᠳᠠ | ᠲᠠᠢ ᠴᠣᠭᠴᠠᠯᠠᠵᠣ᠂ ᠪᠦᠬᠦ ᠣᠷᠣᠨ ᠤ ᠠᠩᠬᠠᠳᠠᠭᠴᠢ ᠬᠤᠰᠢᠭᠤ ᠰᠢᠶᠠᠨ ᠤ ᠲᠡᠰ ᠤᠨ ᠳ᠋ᠠᠶᠢᠲᠨ ᠲᠦᠪ ᠢ ᠪᠠᠶᠢᠭᠤᠯᠵᠣ | ᠂ ᠨᠢᠭᠡ ᠪᠦᠯᠦᠭ ᠬᠠᠳᠠᠭᠤᠵᠢᠭᠤᠯᠣᠯᠳᠠ ᠣᠶᠢᠵᠢᠭᠤᠯᠣᠯᠳᠠ ᠬᠡᠷᠡᠯᠳᠦᠭᠦᠯᠭᠡ ᠵᠢᠴᠢ ᠵᠠᠮ ᠵᠡᠭᠡᠯᠢ ᠲᠠᠭᠠᠤ ᠭᠡᠷ ᠪᠠᠶᠢᠰᠢᠩ | ᠤᠨ ᠦᠭᠡᠷᠡᠴᠢᠯᠡᠯᠳᠡ ᠶᠢᠨ ᠢᠨᠵᠧᠨᠧᠷᠢᠩ ᠢ ᠬᠡᠷᠡᠭᠵᠢᠭᠦᠯᠵᠣ᠂ ᠰᠢᠨ᠎ᠡ ᠨᠡᠮᠡᠭᠳᠡᠭᠰᠡᠨ ᠴᠡᠴᠡᠷᠯᠢᠭᠵᠢᠭᠦᠯᠭᠡ | ᠨᠣᠭᠤᠭᠠᠵᠢᠭᠤᠯᠣᠯᠳᠠ ᠶᠢᠨ ᠲᠠᠯᠠᠪᠠᠢ 18.6 ᠲᠦᠮᠡᠨ ᠺᠦᠸ᠋ᠳ᠋ ᠮᠧᠲᠷ ᠬᠦᠷᠴᠦ᠂ ᠪᠠᠯᠭᠠᠰᠣᠨ ᠲᠣᠭᠤᠷᠢᠭ ᠲᠤ | ᠵᠠᠷᠣᠳᠠᠯ ᠬᠤᠷᠢᠶᠠᠬᠤ ᠦᠭᠡᠢ WIFI ᠪᠦᠬᠦ ᠪᠦᠷᠬᠦᠴᠡ ᠶᠢ ᠪᠡᠶᠡᠯᠡᠭᠦᠯᠵᠣ᠂ ᠪᠣᠷᠣᠪᠠᠯᠭᠠᠰᠦ ᠣᠨᠴᠠᠯᠢᠭᠳᠦ ᠪᠠᠯᠭᠠᠰᠦ | ᠪᠠᠷ ᠦᠨᠡᠯᠡᠭᠳᠡᠨ᠂ ᠬᠤᠳᠡ ᠪᠠᠯᠭᠠᠰᠣᠨ ᠤ ᠴᠢᠳᠠᠪᠬᠢ ᠪᠣᠯᠣᠨ ᠬᠡᠪ ᠴᠢᠨᠠᠰᠠᠭ᠎ᠠ ᠢᠯᠡᠳᠳᠡ ᠲᠡᠭᠡᠭᠰᠢᠯᠡᠪᠡ᠃ ᠰᠠᠭᠤᠷᠢ | ᠲᠦᠬᠦᠭᠡᠷᠦᠮᠵᠢ ᠶᠢᠨ ᠪᠠᠶᠢᠭᠤᠯᠣᠯᠳᠠ ᠶᠢ ᠣᠯᠠᠮ ᠲᠡᠭᠦᠯᠳᠡᠷᠵᠢᠭᠦᠯᠵᠣ᠂ ᠲᠤᠯᠢ ᠠᠴᠠ ᠱᠠᠩᠬᠠᠢ ᠶᠢᠨ ᠰᠥᠮ᠎ᠡ ᠭᠥᠷᠭᠦ | ᠲᠡᠮᠣᠷ ᠵᠠᠮ ᠤᠨ ᠲᠣᠯᠢ ᠠᠴᠠ ᠣᠯᠵᠠᠴᠢ ᠬᠦᠷᠬᠦ ᠬᠡᠰᠡᠭ ᠲᠡᠷᠬᠡ ᠨᠡᠪᠳᠡᠷᠡᠭᠦ ᠨᠦᠬᠦᠴᠡᠯ ᠪᠦᠷᠢᠳᠴᠦ᠂ ᠣᠯᠵᠠᠴᠢ ᠠᠴᠠ | ᠱᠠᠩᠬᠠᠢ ᠶᠢᠨ ᠰᠦᠮ᠎ᠡ ᠬᠦᠷᠬᠦ ᠬᠡᠰᠡᠭ ᠤᠨ ᠪᠦᠬᠦ ᠭᠠᠷᠳᠠᠮ ᠢ ᠭᠦᠢᠴᠡᠳᠬᠡᠵᠣ᠂ ᠤᠯᠵᠠᠴᠢ ᠠᠴᠠ ᠰᠤᠬᠠᠢ ᠶᠢᠨ | ᠪᠠᠶᠢᠰᠢᠩ ᠭᠥᠷᠭᠦ ᠲᠡᠮᠣᠷ ᠵᠠᠮ ︵ᠣᠯᠵᠠᠴᠢ ᠠᠴᠠ ᠱᠠᠨᠰᠢ ᠮᠣᠵᠢ ᠶᠢᠨ ᠵᠢᠩᠪᠢᠶᠠᠨ ᠰᠢᠶᠠᠨ ᠤ ᠰᠣᠬᠠᠢ ᠶᠢᠨ | ᠪᠠᠶᠢᠰᠢᠩ ᠪᠠᠯᠭᠠᠰᠦ ᠬᠦᠷᠬᠦ︶ ᠤᠨ ᠪᠣᠯᠣᠮᠵᠢᠳᠦ ᠮᠡᠳᠡᠭᠦᠯᠦᠯᠳᠡ ᠶᠢ ᠡᠳᠦᠭᠡ ᠶᠠᠭ ᠨᠠᠶᠢᠷᠠᠭᠤᠯᠵᠣ ᠪᠣᠢ︔ ᠣᠯᠵᠠᠴᠢ | ᠠᠴᠠ ᠳ᠋ᠦᠩ ᠳ᠋ᠣᠣ ᠯᠢᠶᠠᠩ ᠭᠥᠷᠭᠦ ᠲᠦᠷᠬᠡᠨ ᠵᠠᠮ ︵ᠣᠯᠵᠠᠴᠢ ᠠᠴᠠ ᠨᠢᠩᠰᠢᠶ᠋ᠨ ᠶᠢᠨ ᠳ᠋ᠦᠩ ᠳ᠋ᠣᠣ ᠯᠢᠶᠠᠩ ᠬᠦᠷᠬᠦ︶ | ᠂ S216 ᠵᠠᠮ ᠤᠨ ᠣᠯᠵᠠᠴᠢ ᠠᠴᠠ ᠵᠠᠩᠭᠤᠳᠦ ᠬᠦᠷᠬᠦ ᠵᠠᠰᠠᠮᠠᠯ ᠵᠠᠮ ᠤᠨ ᠦᠭᠡᠷᠡᠴᠢᠯᠡᠯᠳᠡ ︵ᠭᠤᠷᠪᠠᠳᠦᠭᠠᠷ | ᠲᠡᠰ ᠢ ᠬᠤᠶᠠᠳᠣᠭᠠᠷ ᠲᠡᠰ ᠪᠣᠯᠭᠠᠨ ᠦᠭᠡᠷᠡᠴᠢᠯᠡᠬᠦ︶ ᠪᠠ ᠦᠣᠰᠢᠨ ᠬᠤᠰᠢᠭᠤᠨ ᠤ ᠲᠦᠩᠽᠢ ᠠᠴᠠ ᠪᠣᠷᠣᠪᠠᠯᠭᠠᠰᠦ | ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠤᠨ ᠭᠤᠣᠯ ᠪᠠᠷᠢᠯᠭ᠎ᠠ ᠲᠠᠭᠤᠰᠴᠦ᠂ ᠲᠡᠷᠬᠡ ᠨᠡᠪᠳᠡᠷᠡᠭᠦ ᠨᠦᠬᠦᠴᠡᠯ | ᠪᠦᠷᠢᠳᠦᠨ᠂ S317 ᠵᠠᠮ ᠤᠨ ᠨᠠᠩᠰᠦ ᠠᠴᠠ ᠲᠣᠯᠢ ᠬᠦᠷᠬᠦ ᠬᠡᠰᠡᠭ ᠤᠨ ᠡᠮᠦᠨ᠎ᠡ ᠬᠤᠭᠤᠴᠠᠭᠠᠨ ᠤ ᠭᠠᠷᠳᠠᠮ ᠢ | ᠡᠳᠥᠭᠡ ᠶᠠᠭ ᠭᠦᠢᠴᠡᠳᠬᠡᠵᠣ ᠪᠣᠢ︔ ᠣᠳᠤᠭ ᠤᠨ ᠡᠮᠦᠨᠡᠳᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠪᠠᠷᠢᠯᠭ᠎ᠠ ᠡᠬᠢᠯᠡᠵᠣ᠂ ᠣᠷᠳᠣᠰ ᠤᠨ ᠪᠣᠷᠣᠪᠠᠯᠭᠠᠰᠦ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠪᠠᠶᠢᠷᠢ ᠰᠣᠩᠭᠤᠬᠤ ᠯᠠᠪᠯᠠᠭᠠᠨ ᠤ ᠮᠡᠳᠡᠭᠦᠯᠦᠯᠳᠡ ᠬᠤᠸᠠᠪᠸᠢ ᠶᠢᠨ ᠠᠷᠠᠳ ᠤᠨ ᠠᠭᠠᠷ ᠠᠶᠠᠯᠠᠯ ᠤᠨ ᠲᠣᠪᠴᠢᠶ᠎ᠠ ᠶᠢᠨ | ᠬᠢᠨᠠᠨ ᠪᠠᠶᠢᠴᠠᠭᠠᠯᠳᠠ ᠶᠢ ᠲᠣᠭᠤᠯᠵᠣ᠂ ᠵᠠᠮ ᠬᠠᠷᠢᠯᠴᠠᠭᠠᠨ ᠤ ᠪᠡᠶᠡᠳᠦ ᠲᠣᠣᠷ ᠪᠦᠷᠢᠯᠳᠦᠵᠣ ᠡᠬᠢᠯᠡᠪᠡ᠃ ᠠᠮᠢ | ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠪᠦᠳᠦᠮᠵᠢ ᠶᠢ ᠲᠡᠭᠡᠭᠰᠢᠯᠡᠭᠦᠯᠵᠣ᠂ ᠠᠮᠢ ᠠᠬᠤᠢ ᠶᠢᠨ ᠣᠷᠴᠢᠨ ᠤ | ᠬᠠᠣᠯᠢ ᠬᠡᠷᠡᠭᠵᠢᠭᠦᠯᠬᠦ ᠪᠠᠶᠢᠴᠠᠭᠠᠯᠳᠠ ᠶᠢᠨ ᠬᠦᠴᠦᠨ ᠢᠶᠠᠨ ᠴᠢᠩᠭᠠᠳᠬᠠᠵᠣ᠂ ᠣᠯᠣᠰ ᠤᠨ ᠨᠣᠳᠤᠭ ᠲᠡᠪᠢᠰᠭᠡᠷ ᠤᠨ | ᠣᠶᠢᠵᠢᠭᠤᠯᠣᠯᠳᠠ ᠶᠢ 14.4 ᠲᠦᠮᠡᠨ ᠮᠣ᠋ ᠪᠡᠶᠡᠯᠡᠬᠦᠯᠵᠤ᠂ ᠪᠦᠬᠦ ᠬᠤᠰᠢᠭᠤᠨ ᠤ ᠣᠢ ᠰᠢᠭᠤᠢ ᠶᠢᠨ ᠪᠦᠷᠬᠦᠴᠡ | ᠪᠣᠯᠣᠨ ᠣᠷᠭᠤᠮᠠᠯ ᠤᠨ ᠪᠦᠷᠬᠦᠪᠴᠢ ᠲᠤᠰᠪᠤᠷᠢ 23.6% ᠪᠠ 45% ᠳᠤ ᠬᠦᠷᠴᠦ᠂ ᠠᠮᠢ ᠠᠬᠤᠢ ᠶᠢᠨ | ᠣᠷᠴᠢᠨ ᠦᠷᠭᠦᠯᠵᠢᠯᠡᠨ ᠰᠠᠶᠢᠵᠢᠷᠠᠪᠠ᠃ | ︵ᠲᠦᠷᠪᠡ︶ ᠦᠭᠡᠷᠡᠴᠢᠯᠡᠯᠳᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠣ᠂ ᠠᠵᠣ ᠠᠬᠤᠢ ᠶᠢᠨ | ᠬᠦᠭᠵᠢᠯᠳᠡ ᠶᠢᠨ ᠬᠦᠳᠡᠯᠭᠡᠭᠴᠢ ᠬᠦᠴᠦᠨ ᠢ ᠨᠡᠮᠡᠭᠳᠡᠭᠦᠯᠪᠡ᠃ ᠦᠭᠡᠷᠡᠴᠢᠯᠡᠯᠳᠡ ᠶᠢᠨ ᠦᠷ᠎ᠡ ᠪᠦᠳᠦᠭᠡᠯ ᠢ | ᠲᠣᠪᠣᠶᠢᠯᠭᠠᠨ᠂ ᠲᠣᠳᠣᠭᠠᠳᠦ ᠬᠦᠳᠡᠯᠭᠡᠭᠴᠢ ᠬᠦᠴᠦᠨ ᠢ ᠠᠮᠢᠳᠣᠯᠢᠭᠵᠢᠭᠤᠯᠵᠣ᠂ ᠵᠢᠯ ᠤᠨ ᠡᠬᠢᠨ ᠳᠤ | ᠲᠣᠭᠳᠠᠭᠠᠭᠰᠠᠨ 140 ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠪᠠ 45 ᠲᠦᠷᠦᠯ ᠤᠨ ᠦᠭᠡᠷᠡᠴᠢᠯᠡᠯᠳᠡ ᠶᠢᠨ | ᠪᠦᠳᠦᠮᠵᠢ ᠶᠢᠨ ᠦᠨᠡᠯᠡᠯᠳᠡ ᠶᠢ ᠪᠦᠬᠦᠨ ᠢ ᠪᠡᠶᠡᠯᠡᠭᠦᠯᠵᠣ᠂ 52 ᠲᠦᠷᠦᠯ ᠤᠨ ᠦᠭᠡᠷᠡᠴᠢᠯᠡᠯᠳᠡ ᠶᠢᠨ ᠦᠷ᠎ᠡ | ᠪᠦᠳᠦᠭᠡᠯ ᠣᠯᠪᠠ᠃ ᠦᠷᠭᠦᠯᠵᠢᠯᠡᠯ ᠦᠭᠡᠷᠡᠴᠢᠯᠡᠯᠳᠡ ᠲᠦᠷᠬᠡᠨ ᠠᠬᠢᠪᠠ᠃ ᠬᠡᠷᠡᠭ ᠵᠦᠪᠯᠡᠭᠦ ᠦᠭᠡᠷᠡᠴᠢᠯᠡᠯᠳᠡ ᠶᠢ | ᠭᠦᠨᠵᠡᠭᠡᠶᠢᠷᠡᠭᠦᠯᠵᠣ᠂ ᠪᠦᠬᠦ ᠬᠤᠳᠠ ᠳᠤ ᠪᠠᠨ ᠲᠡᠷᠢᠭᠦᠯᠡᠨ ︽ᠣᠯᠠᠨ ᠦᠨᠡᠮᠯᠡᠯ ᠢ ᠨᠢᠬᠡᠳᠬᠡᠬᠦ᠂ ᠨᠢᠭᠡ ᠦᠨᠡᠮᠯᠡᠯ | ᠨᠢᠭᠡ ᠳ᠋ᠣᠭᠠᠷᠯᠠᠯ︾ ᠢ ᠪᠡᠶᠡᠯᠡᠭᠦᠯᠪᠡ᠃ ᠰᠢᠶᠠᠨ ᠤ ᠬᠡᠪᠴᠢᠶᠡᠨ ᠤ ᠰᠠᠭᠤᠷᠢ ᠲᠦᠬᠦᠭᠡᠷᠦᠮᠵᠢ ᠶᠢᠨ ᠪᠡᠯᠡ | ᠬᠤᠷᠠᠮᠳᠣᠭᠤᠯᠬᠤ ᠲᠣᠭᠳᠠᠴᠠ ᠶᠢᠨ ᠦᠭᠡᠷᠡᠴᠢᠯᠡᠯᠳᠡ ᠶᠢ ᠬᠡᠷᠡᠭᠵᠢᠭᠦᠯᠦᠨ᠂ ᠵᠠᠰᠠᠭ ᠤᠨ ᠣᠷᠳᠣᠨ ᠤ ᠴᠢᠨᠠᠷᠳᠠᠢ ᠪᠡᠯᠡ | ᠣᠷᠣᠭᠤᠯᠬᠤ ᠰᠠᠭᠤᠷᠢ ᠮᠦᠩᠭᠦᠨ ᠤ ᠣᠷᠣᠭᠤᠯᠣᠯᠳᠠ ᠪᠣᠯᠣᠨ ᠡᠷᠬᠢᠯᠳᠡ ᠶᠢᠨ ᠬᠡᠯᠪᠡᠷᠢ ᠶᠢ ᠰᠢᠨᠡᠴᠢᠯᠡᠵᠣ᠂ | ᠶᠡᠷᠦᠩᠭᠡᠢ ᠪᠡᠯᠡ ᠣᠷᠣᠭᠤᠯᠣᠯᠳᠠ ᠪᠠᠷᠤᠭ 24 ᠳ᠋ᠦᠩᠰᠢᠭᠤᠷ ᠲᠦᠬᠦᠷᠢᠭ ᠤᠨ PPP ᠲᠦᠷᠦᠯ ᠵᠣᠶᠢᠯ ᠢ 27 | ᠨᠦᠭᠡᠴᠡᠯᠡᠪᠡ᠃ ︽ᠲᠦᠪᠯᠡᠷᠡᠭᠦᠯᠦᠨ ᠭᠦᠢᠴᠡᠳᠬᠡᠬᠦ︾ ᠬᠠᠮᠢᠶᠠᠷᠣᠯᠳᠠ ᠶᠢᠨ ᠵᠠᠭᠪᠣᠷ ᠢ ᠪᠦᠬᠦ ᠲᠠᠯ᠎ᠠ ᠪᠠᠷ | ᠲᠦᠭᠡᠮᠡᠯᠵᠢᠭᠦᠯᠵᠣ᠂ ᠵᠠᠰᠠᠭ ᠵᠠᠬᠢᠷᠭᠠᠨ ᠤ ᠴᠣᠬᠤᠯᠠᠪᠦᠷᠢᠯᠠᠯᠳᠠ 60% ᠠᠴᠠ ᠲᠡᠭᠡᠭᠰᠢ ᠲᠦᠷᠭᠡᠳᠬᠡᠵᠣ᠂ ᠵᠠᠰᠠᠭ ᠤᠨ | ᠶᠠᠪᠣᠳᠠᠯ ᠤᠨ ᠣᠶᠢᠯᠡᠴᠢᠯᠡᠭᠡᠨ ᠤ ᠲᠦᠪ ᠲᠣᠮᠳᠠᠳᠦ ᠣᠯᠣᠰ ᠤᠨ ᠵᠠᠰᠠᠭ ᠤᠨ ᠶᠠᠪᠣᠳᠠᠯ ᠤᠨ ᠣᠶᠢᠯᠡᠴᠢᠯᠡᠭᠡ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠤᠨ ᠦᠭᠡᠷᠡᠴᠢᠯᠡᠯᠳᠡ ᠰᠢᠨᠡᠴᠢᠯᠡᠯᠳᠡ ᠶᠢᠨ ᠱᠠᠩᠨᠠᠯ ᠬᠦᠷᠳᠡᠪᠡ᠃ ᠠᠮᠢ ᠠᠬᠤᠢ | ᠶᠢᠨ ᠪᠣᠯᠪᠠᠰᠣᠨ ᠤ ᠲᠦᠷᠢᠮ ᠤᠨ ᠪᠠᠶᠢᠭᠤᠯᠣᠯᠳᠠ ᠶᠢ ᠲᠡᠭᠦᠯᠳᠡᠷᠵᠢᠭᠦᠯᠦᠨ᠂ ᠪᠠᠶᠢᠭᠠᠯᠢ ᠶᠢᠨ ᠡᠬᠢ ᠰᠣᠷᠪᠣᠯᠵᠢ ᠶᠢᠨ | ᠬᠦᠷᠦᠩᠭᠡ ᠶᠢᠨ ᠲᠤᠭᠠᠴᠠᠭᠠᠨ ᠤ ᠰᠢᠰᠲ᠋ᠧᠮ ᠢ ᠪᠦᠷᠢᠯᠳᠦᠭᠦᠯᠵᠣ᠂ 2016 ᠣᠨ ᠤ 6 ᠲᠦᠷᠦᠯ ᠤᠨ ᠪᠠᠶᠢᠭᠠᠯᠢ | ᠶᠢᠨ ᠡᠬᠢ ᠰᠣᠷᠪᠣᠯᠵᠢ ᠶᠢᠨ ᠪᠣᠳᠠᠳᠦ ᠲᠤᠭ᠎ᠠ ᠪᠠᠷᠢᠮᠳᠠ ᠶᠢᠨ ᠪᠦᠷᠢᠳᠬᠡᠯ ᠬᠢᠨᠠᠨ ᠪᠠᠶᠢᠴᠠᠭᠠᠯᠳᠠ ᠪᠣᠯᠣᠨ ᠦᠷᠳᠡᠭ ᠤᠨ | ᠲᠤᠭᠠᠴᠠᠭᠠᠨ ᠤ ᠠᠵᠢᠯ ᠢ ᠪᠡᠶᠡᠯᠡᠭᠦᠯᠵᠣ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠦᠷᠦᠩᠭᠡ ᠶᠢᠨ ᠬᠢᠨᠠᠨ ᠪᠣᠳᠣᠯᠳᠠ | ᠶᠢᠨ ᠮᠡᠳᠡᠭᠦᠯᠦᠯᠳᠡ ᠪᠦᠷᠢᠳᠪᠡ᠃ ︽ᠬᠤᠶᠠᠷ ᠢ ᠮᠡᠳᠡᠭᠳᠡᠬᠦ︾᠂ ︽ᠬᠤᠶᠠᠷ ᠢ ᠢᠯᠡᠰᠢᠭᠦᠯᠬᠦ︾᠂ ︽ᠬᠤᠶᠠᠷ ᠢ | ᠲᠣᠬᠢᠶᠠᠯᠳᠣᠯ ᠢᠶᠠᠷ᠂ ᠨᠢᠭᠡ ᠶᠢ ᠢᠯᠡᠰᠢᠭᠦᠯᠬᠦ︾ ᠠᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠪᠡ᠃ ᠮᠠᠯᠵᠢᠬᠤ | ᠲᠠᠷᠢᠶᠠᠯᠠᠬᠤ ᠣᠷᠣᠨ ᠤ ᠨᠣᠳᠤᠭ ᠪᠡᠯᠴᠢᠭᠡᠷ ᠤᠨ ︽ᠡᠷᠬᠡ ᠶᠢ ᠲᠣᠳᠣᠳᠬᠠᠬᠤ᠂ ᠲᠠᠩᠰᠠᠯᠠᠬᠤ᠂ ᠦᠨᠡᠮᠯᠡᠯ ᠣᠯᠭᠤᠬᠤ | ︾ ᠦᠭᠡᠷᠡᠴᠢᠯᠡᠯᠳᠡ ᠨᠢ ᠣᠷᠣᠨ ᠤ ᠲᠡᠰ ᠤᠨ ᠦᠭᠡᠷᠡᠴᠢᠯᠡᠯᠳᠡ ᠶᠢᠨ ᠲᠣᠷᠰᠢᠯᠳᠠ ᠶᠢᠨ ᠴᠡᠭ ᠢᠶᠠᠷ ᠦᠨᠡᠯᠡᠭᠳᠡᠪᠡ᠃ | ᠮᠣᠩᠭᠤᠯ ᠤᠨ ᠦᠨᠳᠦᠷᠯᠢᠭ ᠤᠨ ᠨᠣᠣᠯᠣᠭᠤᠷ ᠤᠨ ᠢᠮᠠᠭᠠᠨ ᠤ ᠠᠰᠢᠭ ᠰᠠᠶᠢᠳᠠᠢ ᠠᠮᠢ ᠠᠬᠤᠶᠢᠴᠢ ᠲᠡᠵᠢᠭᠡᠨ | ᠦᠷᠡᠵᠢᠭᠦᠯᠭᠡ ᠶᠢᠨ ᠰᠣᠳᠣᠯᠬᠤ ᠬᠦᠷᠢᠶᠡᠯᠡᠩ ᠤᠨ ᠲᠣᠰᠬᠠᠢ ᠠᠵᠢᠯᠯᠠᠬᠤ ᠦᠷᠳᠡᠭᠡ ᠣᠯᠣᠰ ᠤᠨ ᠲᠠᠭᠤᠷᠢᠶᠠᠯ | ᠲᠣᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠪᠠᠷ ᠦᠨᠡᠯᠡᠭᠳᠡᠪᠡ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ | ᠶᠢᠨ ᠴᠢᠨᠠᠷᠳᠠᠢ ᠦᠭᠡᠷᠡᠴᠢᠯᠡᠯᠳᠡ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠣᠯᠳᠠ ᠵᠡᠷᠬᠡ ᠨᠢᠭᠡ | ᠪᠦᠯᠦᠭ ᠭᠤᠣᠯᠳᠠᠯᠭᠠᠳᠦ ᠦᠭᠡᠷᠡᠴᠢᠯᠡᠯᠳᠡ ᠶᠢᠨ ᠡᠭᠦᠷᠭᠡ ᠶᠢᠨ ᠨᠠᠶᠢᠳᠠᠪᠦᠷᠢᠵᠢᠭᠤᠯᠣᠯᠳᠠ ᠬᠡᠷᠡᠭᠵᠢᠭᠦᠯᠦᠯᠳᠡ ᠶᠢ | ᠴᠢᠩᠭᠠᠳᠬᠠᠪᠠ᠃ ᠦᠪᠡᠷ ᠢᠶᠠᠨ ᠰᠣᠩᠭᠤᠭᠰᠠᠨ ᠦᠭᠡᠷᠡᠴᠢᠯᠡᠯᠳᠡ ᠶᠢᠨ ᠪᠦᠳᠦᠮᠵᠢ ᠠᠩᠬᠠᠯᠠᠨ ᠢᠯᠡᠷᠡᠪᠡ᠃ ︽ | ᠣᠶᠣᠨᠴᠢ ᠡᠮᠦᠨᠡᠳᠦ ᠣᠳᠤᠭ︾᠂ ︽ᠲᠡᠰ ᠴᠢᠨᠠᠷᠳᠦ ᠮᠠᠯ ᠲᠠᠷᠢᠶᠠᠯᠠᠩ᠂ ᠬᠡᠪ ᠴᠢᠨᠰᠠᠭᠠᠳᠦ ᠮᠠᠯᠵᠢᠬᠤ ᠲᠠᠷᠢᠶᠠᠯᠠᠬᠤ | ᠣᠷᠣᠨ᠂ ᠪᠣᠯᠪᠠᠰᠣᠷᠠᠯ ᠰᠠᠶᠢᠳᠠᠢ ᠮᠠᠯᠴᠢᠨ ᠲᠠᠷᠢᠶᠠᠴᠢᠨ︾ ᠪᠣᠯᠣᠨ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ | ᠶᠠᠪᠣᠳᠠᠯ ᠤᠨ ᠲᠦᠪ ᠤᠨ ᠪᠠᠶᠢᠭᠤᠯᠣᠯᠳᠠ ᠵᠡᠷᠭᠡ 11 ᠲᠦᠷᠦᠯ ᠤᠨ ᠣᠳᠤᠭ ᠤᠨ ᠡᠮᠦᠨᠡᠳᠦ ᠬᠤᠰᠢᠭᠤᠨ ᠤ | ᠣᠨᠴᠠᠯᠢᠭᠳᠦ ᠦᠭᠡᠷᠡᠴᠢᠯᠡᠯᠳᠡ ᠶᠢᠨ ᠡᠭᠦᠷᠬᠡ ᠶᠢ ᠪᠦᠳᠦᠭᠡᠯᠴᠢ ᠪᠠᠷ ᠪᠡᠶᠡᠯᠡᠭᠦᠯᠪᠡ᠃ ᠬᠤᠰᠢᠭᠤ᠂ ᠪᠠᠯᠭᠠᠰᠦ᠂ | ᠭᠠᠴᠠᠭ᠎ᠠ ᠭᠤᠷᠪᠠᠨ ᠱᠠᠳᠦ ᠬᠤᠯᠪᠣᠭᠠᠯᠠᠭᠰᠠᠨ ︽ᠣᠶᠣᠨᠴᠢ ᠵᠠᠰᠠᠭ ᠤᠨ ᠶᠠᠪᠣᠳᠠᠯ︾ ᠤᠨ ᠲᠠᠪᠴᠠᠩ ᠤᠨ | ᠪᠠᠶᠢᠭᠤᠯᠣᠯᠳᠠ ᠪᠦᠬᠦ ᠲᠠᠯ᠎ᠠ ᠪᠠᠷ ᠶᠠᠪᠣᠭᠳᠠᠵᠣ᠂ ᠡᠩ ᠲᠡᠷᠢᠭᠦᠨ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ | ᠬᠡᠷᠡᠭᠵᠢᠭᠦᠯᠦᠯᠳᠡ ᠶᠢᠨ ᠲᠣᠭᠳᠠᠴᠠ ᠶᠢᠨ ᠦᠭᠡᠷᠡᠴᠢᠯᠡᠯᠳᠡ ᠶᠢ ᠡᠬᠢᠯᠡᠭᠦᠯᠪᠡ᠃ ᠦᠭᠡᠷᠡᠴᠢᠯᠡᠯᠳᠡ ᠶᠢᠨ ᠲᠣᠷᠰᠢᠯᠭ᠎ᠠ | ᠶᠢ ᠳ᠋ᠦᠩᠨᠡᠨ ᠲᠦᠭᠡᠮᠡᠯᠵᠢᠭᠦᠯᠬᠦ ᠶᠢ ᠨᠡᠩ ᠴᠢᠬᠤᠯᠠᠴᠢᠯᠠᠵᠣ᠂ ᠬᠤᠰᠢᠭᠤᠨ ᠤ ᠦᠨᠳᠦᠰᠦᠳᠡᠨ ᠤ ᠠᠵᠢᠯ ᠮᠡᠷᠭᠡᠵᠢᠯ ᠤᠨ | ᠲᠣᠮᠳᠠᠳᠦ ᠰᠣᠷᠭᠠᠭᠤᠯᠢ ᠶᠢᠨ ᠲᠠᠳᠣᠯᠭ᠎ᠠ ᠪᠣᠯᠪᠠᠰᠣᠷᠠᠯ ᠤᠨ ᠰᠠᠭᠤᠷᠢᠨ ᠭᠠᠵᠠᠷ ᠤᠨ ᠵᠠᠬ᠎ᠠ ᠲᠡᠯᠭᠡᠭᠦᠷᠴᠢᠯᠡᠭᠰᠡᠨ | ᠠᠵᠢᠯᠯᠠᠮᠵᠢ ᠪᠣᠯᠣᠨ ᠲᠣᠳᠣᠭᠠᠳᠦ ᠶᠢ ᠬᠠᠮᠠᠭᠠᠯᠠᠬᠤ ︽ᠲᠣᠮᠣ ᠰᠠᠯᠠᠭ᠎ᠠ ᠮᠦᠴᠢᠷ᠂ ᠲᠣᠮᠣ ᠴᠠᠭᠳᠠᠭᠠᠨ ᠲᠦᠷᠦᠯ︾ | ᠤᠨ ᠦᠭᠡᠷᠡᠴᠢᠯᠡᠯᠳᠡ ᠶᠢᠨ ᠲᠣᠷᠰᠢᠯᠭ᠎ᠠ ᠪᠦᠬᠦ ᠬᠤᠳᠠ ᠳᠤ ᠲᠦᠭᠡᠮᠡᠯᠵᠢᠪᠡ᠃ ᠲᠣᠷᠰᠢᠯᠳᠠ ᠶᠢᠨ ᠦᠭᠡᠷᠡᠴᠢᠯᠡᠯᠳᠡ | ᠯᠠᠪᠳᠠᠭᠤᠨ ᠠᠬᠢᠪᠠ᠃ ᠡᠮᠨᠡᠭᠦ ᠰᠣᠪᠢᠯᠠᠬᠤ ᠶᠢ ᠣᠶᠠᠯᠳᠣᠭᠤᠯᠬᠤ ᠦᠭᠡᠷᠡᠴᠢᠯᠡᠯᠳᠡ ᠶᠢᠨ ᠲᠣᠷᠰᠢᠯᠳᠡ ᠶᠢ ᠠᠬᠢᠭᠤᠯᠵᠣ᠂ | ᠠᠵᠠᠳᠠᠢ ᠡᠷᠡᠭᠦᠯᠵᠢᠯ ᠰᠣᠪᠢᠯᠠᠯ ᠤᠨ ᠬᠦᠷᠢᠶᠠᠯᠠᠩ ᠬᠢᠬᠡᠳ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ | ᠨᠠᠰᠣᠳᠠᠳ ᠢ ᠠᠰᠠᠷᠠᠬᠤ ᠬᠦᠷᠢᠶᠡᠯᠡᠩ ᠡᠮᠨᠡᠬᠦ ᠰᠣᠪᠢᠯᠠᠬᠤ ᠶᠢ ᠣᠶᠠᠯᠳᠣᠭᠤᠯᠬᠤ ᠵᠦᠪᠯᠡᠯᠴᠡᠭᠡᠷ ᠲᠣᠭᠳᠠᠵᠣ᠂ ᠲᠥᠮᠡ | ᠢᠯᠡᠭᠦᠣ ᠭᠥᠮᠥᠨ ᠣᠳᠠᠭ᠎ᠠ ᠶᠢᠨ ᠨᠠᠰᠣᠵᠢᠯ ᠪᠣᠯᠣᠨ ᠡᠮᠨᠡᠯᠭᠡ ᠶᠢᠨ ᠣᠶᠢᠯᠡᠴᠢᠯᠡᠭᠡ ᠬᠠᠩᠭᠠᠪᠠ᠃ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠲᠣᠷᠰᠢᠯᠳᠠ ᠶᠢ ᠯᠠᠪᠳᠠᠭᠤᠨ ᠢᠶᠠᠷ ᠠᠬᠢᠭᠤᠯᠵᠣ᠂ | ᠢᠷᠭᠠᠢ ᠬᠤᠳᠠ ᠯᠤᠭ᠎ᠠ ᠣᠷᠣᠨ ᠠᠯᠣᠰᠯᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠳᠣᠷᠠᠯᠴᠠᠭᠠᠨ ᠤ | ᠲᠣᠭᠳᠠᠴᠠ ᠪᠠᠶᠢᠭᠤᠯᠣᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ | ᠣᠷᠣᠨ ᠠᠯᠣᠰᠯᠠᠨ ᠲᠠᠰᠤᠯᠠᠨ ᠪᠤᠳᠤᠯᠳᠠ ᠶᠢ ᠪᠡᠶᠡᠯᠡᠭᠦᠯᠪᠡ᠃ ᠦᠭᠡᠷᠡᠴᠢᠯᠡᠯᠳᠡ ᠶᠢᠨ ᠬᠦᠭᠵᠢᠯᠳᠡ ᠶᠢᠨ ᠦᠷ᠎ᠡ | ᠪᠦᠳᠦᠭᠡᠯ ᠢᠶᠠᠷ ᠣᠯᠠᠨ ᠲᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠪᠠ᠃ | ︵ᠲᠠᠪᠤ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠣᠯᠠᠮ ᠴᠢᠩᠭᠠᠳᠬᠠᠨ᠂ ᠨᠠᠶᠢᠭᠡᠮ ᠤᠨ ᠣᠶᠢᠯᠠᠰ ᠢ | ᠵᠣᠬᠢᠴᠠᠩᠭᠤᠢ ᠬᠦᠭᠵᠢᠭᠦᠯᠪᠡ᠃ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠲᠥᠪᠰᠢᠨ ᠢ | ᠴᠢᠩᠭ᠎ᠠ ᠰᠠᠬᠢᠵᠤ᠂ ᠠᠷᠠᠳ ᠤᠨ ᠠᠮᠢᠳᠤᠷᠠᠯ ᠢ ᠪᠠᠳᠤᠯᠠᠬᠤ ︽ᠵᠢᠷᠭᠤᠭᠠᠨ ᠲᠠᠪᠬᠤᠷ ᠲᠤᠤᠷ︾ ᠢ ᠪᠠᠬᠢᠵᠢᠭᠦᠯᠵᠣ᠂ | ᠡᠳ᠋ ᠤᠨ ᠵᠠᠰᠠᠭ ᠤᠨ ᠣᠷᠣᠯᠭ᠎ᠠ ᠶᠢᠨ 80% ᠠᠴᠠ ᠲᠡᠭᠡᠭᠰᠢ ᠶᠢ ᠠᠷᠠᠳ ᠤᠨ ᠠᠮᠢᠳᠣᠷᠠᠯ ᠵᠢᠴᠢ ᠨᠡᠶᠢᠭᠡᠮ ᠤᠨ | ᠣᠶᠢᠯᠠᠰ ᠤᠨ ᠬᠦᠭᠵᠢᠯᠳᠡ ᠳᠤ ᠵᠠᠷᠣᠴᠠᠭᠤᠯᠪᠠ᠃ ᠶᠠᠳᠠᠭᠤ ᠬᠦᠴᠢᠷᠳᠡᠯᠳᠡᠢ ᠡᠷᠦᠬᠡ ᠶᠢᠨ ᠬᠦᠮᠦᠨ ᠲᠣᠳᠣᠮ ᠤᠨ | ᠴᠡᠪᠡᠷ ᠣᠷᠣᠯᠭ᠎ᠠ 20% ᠪᠠᠷ ᠨᠡᠮᠡᠭᠳᠡᠵᠣ᠂ ᠭᠥᠴᠢᠷᠳᠡᠯᠳᠡᠢ ᠡᠷᠥᠭᠡ ᠶᠢᠨ ᠶᠠᠳᠠᠭᠤ ᠠᠴᠠ ᠠᠩᠬᠢᠵᠢᠷᠠᠨ | ᠴᠢᠨᠡᠭᠡᠯᠢᠭᠵᠢᠯ ᠳᠤ ᠲᠠᠪᠰᠢᠬᠤ ᠭᠥᠴᠥᠨ ᠢ ᠢᠯᠡᠳᠳᠡ ᠨᠡᠮᠡᠭᠳᠡᠭᠦᠯᠪᠡ᠃ ︽ᠥᠢᠯᠡᠰ ᠪᠥᠳᠥᠭᠡᠯᠳᠡ ᠲᠠᠢ ᠡᠮᠥᠨᠡᠳᠥ | ᠤᠳᠤᠭ︾ ᠤᠨ ᠠᠵᠢᠯᠯᠠᠭ᠎ᠠ ᠶᠢ ᠭᠥᠨᠵᠡᠭᠡᠢ ᠭᠡᠷᠡᠭᠵᠢᠭᠦᠯᠵᠥ᠂ 958 ᠭᠥᠮᠥᠨ ᠳᠤ ᠰᠢᠨ᠎ᠡ ᠪᠠᠷ ᠠᠵᠢᠯ ᠣᠯᠵᠣ᠂ | ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 2% ᠳᠤ ᠬᠢᠵᠠᠭᠠᠷᠯᠠᠪᠠ᠃ ᠨᠡᠶᠢᠭᠡᠮ | ᠤᠨ ᠪᠠᠳᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠭᠡᠵᠤ᠂ ᠡᠮᠴᠢᠯᠡᠭᠡᠨ ᠤ ᠲᠠᠭᠠᠳᠬᠠᠯ ᠤᠨ ᠭᠠᠳᠠᠨ᠎ᠠ ᠭᠠᠵᠠᠷ | ᠲᠤᠭᠠᠴᠠᠭ᠎ᠠ ᠬᠢᠭᠦ᠂ ᠬᠥᠨᠳᠥ ᠡᠪᠡᠳᠴᠢᠳᠡᠨ ᠢ ᠲᠤᠰᠠᠯᠠᠬᠤ᠂ ᠡᠮᠴᠢᠯᠡᠭᠡᠨ ᠤ ᠤᠷᠢᠳᠡᠢ ᠠᠪᠤᠷᠠᠨ ᠲᠤᠰᠠᠯᠠᠬᠤ ᠵᠡᠷᠭᠡ ᠶᠢ | ᠪᠥᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠭᠦ ᠬᠤᠰᠢᠭᠤᠨ ᠤ ᠮᠠᠯᠴᠢᠨ ᠲᠠᠷᠢᠶᠠᠴᠢᠳ ᠤᠨ ᠨᠠᠰᠤᠵᠢᠯ ᠤᠨ | ᠲᠠᠭᠠᠳᠬᠠᠯ ᠳᠤ ᠣᠷᠣᠯᠴᠠᠭᠰᠠᠨ ᠨᠣᠷᠮ᠎ᠠ 97% ᠠᠴᠠ ᠲᠠᠪᠠᠵᠣ᠂ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ | ᠡᠮᠨᠡᠯᠭᠡ ᠶᠢᠨ ᠪᠦᠷᠬᠦᠴᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ | ᠶᠢᠨ ᠲᠦᠪᠰᠢᠨ ᠪᠦᠬᠦ ᠲᠠᠯ᠎ᠠ ᠪᠠᠷ ᠲᠡᠭᠡᠭᠰᠢᠯᠡᠵᠣ᠂ ᠪᠦᠬᠦ ᠵᠢᠯ ᠳᠤ ᠨᠡᠶᠢᠳᠡ 1200 ᠢᠯᠡᠭᠦᠤ ᠲᠦᠮᠡᠨ ᠲᠦᠭᠦᠷᠢᠭ | ᠤᠨ ᠲᠣᠣᠷ᠎ᠠ ᠪᠠᠳᠣᠯᠠᠭ᠎ᠠ ᠶᠢᠨ ᠨᠦᠬᠦᠪᠦᠷᠢ ᠣᠯᠭᠤᠨ᠂ 4200 ᠢᠯᠡᠭᠦᠣ ᠶᠠᠳᠠᠭᠤ ᠬᠦᠴᠢᠷᠳᠡᠯᠳᠡᠢ ᠣᠯᠠᠨ ᠲᠦᠮᠡᠨ | ᠤ ᠲᠣᠣᠷ᠎ᠠ ᠪᠠᠳᠣᠯᠠᠭ᠎ᠠ ᠶᠢ ᠪᠡᠶᠡᠯᠡᠭᠦᠯᠪᠡ᠃ ︽ᠣᠶᠣᠨᠴᠢ ᠰᠣᠷᠭᠠᠨ ᠬᠦᠮᠦᠵᠢᠯ︾ ᠤᠨ ᠢᠨᠵᠧᠨᠧᠷᠢᠩ ᠢ | ᠰᠦᠪᠡᠭᠴᠢᠯᠡᠨ ᠬᠡᠷᠡᠭᠵᠢᠭᠦᠯᠵᠣ᠂ ᠮᠣᠩᠭᠤᠯ ᠲᠣᠮᠳᠠᠲᠣ ᠰᠣᠷᠭᠠᠭᠤᠯᠢ ᠣᠷᠣᠨ ᠤ ᠰᠢᠯᠢᠳᠡᠭ ᠲᠣᠮᠳᠠᠳᠦ ᠰᠣᠷᠭᠠᠭᠤᠯᠢ | ᠶᠢᠨ ᠬᠢᠨᠡᠯᠳᠡ ᠦᠨᠡᠯᠡᠯᠳᠡ ᠶᠢ ᠠᠮᠵᠢᠯᠳᠠ ᠲᠣᠭᠤᠯᠵᠣ᠂ ᠬᠤᠰᠢᠭᠤᠨ ᠤ ᠠᠵᠢᠯ ᠮᠡᠷᠭᠡᠵᠢᠯ ᠤᠨ ᠲᠣᠮᠳᠠᠲᠣ | ᠰᠣᠷᠭᠠᠭᠤᠯᠢ ᠬᠤᠶᠠᠳᠣᠭᠠᠷ ᠪᠦᠯᠦᠭ ᠤᠨ ᠪᠦᠬᠦ ᠣᠯᠣᠰ ᠤᠨ ᠲᠣᠮᠳᠠ ᠪᠠᠭ᠎ᠠ ᠰᠣᠷᠭᠠᠭᠤᠯᠢ ᠶᠢᠨ ᠰᠣᠶᠣᠯ ᠤᠨ | ᠦᠪᠯᠡᠯ ᠣᠯᠠᠮᠵᠢᠯᠡᠯ ᠤᠨ ᠰᠢᠯᠢᠳᠡᠭ ᠰᠣᠷᠭᠠᠭᠤᠯᠢ ᠪᠠᠷ ᠦᠨᠡᠯᠡᠭᠳᠡᠵᠣ᠂ ᠰᠣᠷᠭᠠᠨ ᠬᠦᠮᠦᠵᠢᠯ ᠤᠨ ᠶᠠᠮᠣᠨ ᠠᠴᠠ | ᠪᠣᠷᠣᠪᠠᠯᠭᠠᠰᠣ ᠪᠦᠷᠢᠨ ᠪᠠᠭ᠎ᠠ ᠰᠣᠷᠭᠠᠭᠤᠯᠢ ᠶᠢ ᠣᠶᠣᠨᠴᠢ ᠰᠣᠷᠭᠠᠨ ᠬᠦᠮᠦᠵᠢᠯ ᠤᠨ ᠬᠠᠷᠢᠯᠴᠠᠭ᠎ᠠ ᠬᠠᠮᠳᠣᠷᠠᠯᠴᠠᠭᠠᠨ | ᠤ ᠲᠠᠭᠤᠷᠢᠶᠠᠯ ᠵᠢᠱᠢᠶ᠎ᠡ ᠪᠣᠯᠪᠠ᠃ ︽ᠡᠷᠡᠭᠦᠯ ᠡᠩᠬᠡ ᠡᠮᠦᠨᠡᠳᠦ ᠣᠳᠤᠭ︾ ᠢᠨᠵᠧᠨᠧᠷᠢᠩ ᠢ ᠦᠷᠭᠦᠯᠵᠢᠯᠡᠨ | ᠠᠬᠢᠭᠤᠯᠵᠣ᠂ 4.4 ᠲᠦᠮᠡᠨ ᠬᠦᠮᠦᠨ ᠭᠡᠷ ᠪᠦᠯᠢ ᠶᠢᠨ ᠡᠮᠴᠢ ᠶᠢᠨ ᠭᠡᠷ᠎ᠡ ᠣᠶᠢᠯᠡᠴᠢᠯᠡᠭᠡ ᠶᠢ ᠬᠦᠷᠳᠡᠨ᠂ ᠡᠮ | ᠡᠮᠴᠢᠯᠡᠭᠡᠨ ᠤ ᠣᠷᠴᠢᠨ ᠢ ᠤᠯᠠᠮ ᠲᠡᠭᠡᠭᠰᠢᠯᠡᠭᠦᠯᠪᠡ᠃ ︽ᠰᠣᠶᠣᠯ ᠢ ᠲᠣᠭᠠᠴᠠᠯᠠᠨ ᠬᠦᠳᠡᠭᠡ ᠪᠠᠭᠤᠯᠭᠠᠬᠤ︾ ᠪᠣᠯᠣᠨ | ︽ᠨᠣᠮ ᠡᠷᠳᠡᠨᠢᠳᠦ︾ ᠭᠡᠷ ᠪᠦᠯᠢ ᠢᠨᠵᠧᠨᠧᠷᠢᠩ ᠢ ᠪᠦᠳᠦᠮᠵᠢᠳᠠᠢ ᠨᠠᠶᠢᠳᠠᠪᠦᠷᠢᠵᠢᠭᠤᠯᠵᠣ᠂ ᠬᠤᠪᠢᠰᠬᠠᠯᠳᠦ ᠵᠦᠴᠦᠭᠡ | ︽ᠠᠨᠠᠷ ᠪᠣᠯᠪᠠᠰᠣᠷᠠᠯ᠎ᠠ︾ ᠪᠡᠭᠡᠵᠢᠩ᠂ ᠬᠦᠬᠡᠬᠤᠳᠠ ᠵᠡᠷᠭᠡ ᠭᠠᠵᠠᠷ ᠢᠶᠠᠷ ᠠᠮᠵᠢᠯᠳᠠ ᠲᠠᠢ ᠲᠣᠭᠯᠠᠭᠳᠠᠵᠣ᠂ ᠣᠯᠠᠨ | ᠶᠠᠩᠵᠣᠳᠦ ᠠᠷᠭ᠎ᠠ ᠬᠡᠯᠪᠡᠷᠢ ᠪᠠᠷ ᠰᠤᠶᠤᠯ ᠢ ᠬᠦᠳᠡᠭᠡ ᠪᠠᠭᠤᠯᠭᠠᠵᠣ᠂ ᠲᠣᠭᠯᠠᠯᠳᠠ ᠭᠠᠷᠭᠠᠬᠤ᠂ ᠨᠣᠮ ᠪᠡᠯᠡᠭᠯᠡᠬᠦ᠂ | ᠺᠢᠨᠤ᠋ ᠭᠠᠷᠭᠠᠬᠤ ᠵᠡᠷᠭᠡ ᠠᠵᠢᠯᠯᠠᠭ᠎ᠠ ᠶᠢ ᠦᠷᠨᠢᠭᠦᠯᠵᠣ᠂ ︽ᠪᠣᠬᠢᠷᠳᠣᠯ ᠦᠭᠡᠢ ᠠᠶᠠᠯᠠᠯ᠂ ᠡᠷᠡᠭᠦᠯ ᠡᠩᠬᠡ ᠠᠮᠢᠳᠣᠷᠠᠯ︾ | ᠶᠠᠪᠠᠭᠠᠯᠠᠨ ᠠᠯᠬᠤᠬᠤ ᠠᠵᠢᠯᠯᠠᠭ᠎ᠠ᠂ ᠺᠠᠳ᠋ᠷ ᠠᠵᠢᠯᠳᠠᠨ ᠤ ᠲᠠᠮᠢᠷ ᠤᠨ ᠣᠷᠣᠯᠳᠣᠭᠠᠨ ᠵᠡᠷᠭᠡ ᠣᠯᠠᠨ ᠲᠦᠮᠡᠨᠴᠢ | ᠠᠵᠢᠯᠯᠠᠭ᠎ᠠ ᠡᠷᠬᠢᠯᠡᠵᠣ᠂ ᠣᠯᠠᠨ ᠲᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠪᠠ᠃ ᠣᠶᠣᠨ ᠤ | ᠪᠣᠯᠪᠠᠰᠣᠨ ᠤ ᠴᠣᠭᠴᠠᠯᠠᠯᠳᠠ᠂ ᠣᠷᠴᠢᠨ ᠲᠣᠭᠤᠷᠢᠨ ᠤ ᠬᠠᠮᠠᠭᠠᠯᠠᠯᠳᠠ᠂ ᠦᠨᠳᠦᠰᠦᠳᠡᠨ ᠱᠠᠰᠢᠨ ᠰᠣᠷᠳᠠᠬᠤᠨ᠂ | ᠵᠠᠬᠢᠳᠠᠯ ᠰᠣᠷᠪᠣᠯᠵᠢᠯᠠᠭ᠎ᠠ ᠠᠮᠣᠷ ᠲᠣᠭᠳᠠᠭᠤᠨ᠂ ᠨᠡᠶᠢᠭᠡᠮ ᠤᠨ ᠠᠮᠣᠷ ᠬᠠᠮᠠᠭᠠᠯᠠᠯᠳᠠ᠂ ᠠᠶᠤᠯᠬᠦᠢ ᠣᠶᠢᠯᠠᠳᠪᠦᠷᠢᠯᠠᠯ᠂ | ᠬᠠᠣᠯᠢ ᠲᠦᠬᠡᠮᠡᠯᠵᠢᠬᠦᠯᠤᠯ᠂ ᠢᠳᠡᠭᠡᠨ ᠤ ᠠᠮᠣᠷ ᠲᠦᠪᠰᠢᠨ᠂ ᠴᠢᠳᠠᠪᠦᠷᠢᠳᠠᠨ᠂ ᠡᠷᠡᠭᠦᠯ ᠬᠠᠮᠠᠭᠠᠯᠠᠯ ᠲᠦᠯᠦᠪᠯᠡᠭᠡᠳᠦ | ᠭᠦᠩᠭᠡᠵᠢᠯ᠂ ᠡᠮᠡᠭᠳᠡᠶᠢᠴᠣᠳ ᠬᠡᠣᠬᠡᠳ ᠪᠠᠭᠠᠴᠣᠳ ᠵᠡᠷᠭᠡ ᠠᠵᠢᠯ ᠯᠠᠪᠳᠠᠭᠤᠨ ᠠᠬᠢᠵᠣ᠂ ᠨᠡᠶᠢᠭᠡᠮ ᠤᠨ ᠣᠷᠴᠢᠨ | ᠡᠶ᠎ᠡ ᠵᠣᠬᠢᠴᠠᠩᠭᠤᠢ ᠲᠣᠭᠳᠠᠭᠤᠨ ᠪᠣᠯᠪᠠ᠃ | 2017 ᠣᠨ ᠢ ᠡᠷᠭᠢᠴᠡᠭᠦᠯᠪᠡᠯ᠂ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠰᠠᠶᠢᠨ ᠪᠠᠶᠢᠵᠣ᠂ | ᠠᠵᠣ ᠠᠬᠤᠢ ᠶᠢᠨ ᠪᠦᠬᠦᠶᠢᠯᠡ ᠴᠣᠭᠴᠠ ᠶᠢᠨ ᠲᠦᠪᠰᠢᠨ ᠤ ᠲᠣᠭᠳᠠᠭᠤᠨ ᠢ ᠪᠠᠳᠣᠯᠠᠪᠠ᠃ ᠭᠡᠪᠡᠴᠦ ᠪᠢᠳᠠ ᠠᠵᠣ | ᠠᠬᠤᠢ ᠶᠢᠨ ᠡᠷᠬᠢᠯᠳᠡ ᠲᠣᠮᠳᠠ ᠮᠦᠨ ᠯᠡ ᠬᠦᠴᠢᠷᠳᠡᠯ ᠪᠠ ᠠᠰᠠᠭᠤᠳᠠᠯ ᠣᠷᠣᠰᠢᠵᠣ ᠪᠠᠶᠢᠬᠤ ᠶᠢ ᠰᠡᠷᠭᠡᠭ ᠢᠶᠠᠷ | ᠲᠠᠨᠢᠬᠤ ᠬᠡᠷᠡᠭᠳᠡᠢ᠃ ᠭᠤᠣᠯᠳᠠᠭᠤ᠄ ᠬᠦᠭᠵᠢᠯᠳᠡ ᠶᠢᠨ ᠶᠠᠰᠦ ᠴᠢᠨᠠᠷ ᠪᠣᠯᠣᠨ ᠦᠷ᠎ᠡ ᠠᠰᠢᠭ ᠲᠣᠣᠷ᠎ᠠ᠂ ᠡᠬᠢ | ᠰᠣᠷᠪᠣᠯᠵᠢ ᠶᠢᠨ ᠬᠡᠯᠪᠡᠷᠢ ᠲᠠᠢ ᠠᠵᠣ ᠣᠶᠢᠯᠠᠰ ᠤᠨ ᠬᠠᠷᠢᠴᠠᠯ ᠨᠠᠯᠢᠶᠡᠳ ᠦᠨᠳᠦᠷ᠂ ᠪᠠᠶᠢᠯᠳᠣᠬᠤ ᠪᠣᠳᠣᠯᠭ᠎ᠠ ᠶᠢᠨ | ᠴᠢᠨᠠᠷᠳᠠᠢ ᠰᠢᠨ᠎ᠡ ᠠᠵᠣ ᠣᠶᠢᠯᠠᠰ ᠤᠨ ᠪᠣᠶᠢᠵᠢᠯᠳᠠ ᠲᠣᠳᠠᠮᠠᠭ᠂ ᠣᠳᠦ ᠦᠶ᠎ᠡ ᠶᠢᠨ ᠣᠶᠢᠯᠡᠴᠢᠯᠡᠭᠡᠨ ᠤ ᠬᠡᠪᠴᠢᠶᠡᠵᠢᠯ | ᠪᠠᠭ᠎ᠠ᠂ ᠲᠦᠪᠰᠢᠨ ᠲᠣᠣᠷ᠎ᠠ ᠪᠣᠢ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠬᠤᠷᠳᠣᠴᠠ | ᠣᠳᠠᠭᠠᠰᠢᠷᠠᠵᠣ᠂ ᠲᠣᠭᠳᠠᠭᠤᠨ ᠨᠡᠮᠡᠭᠳᠡᠯ ᠤᠨ ᠲᠠᠷᠣᠯᠳᠠ ᠮᠦᠨ ᠯᠡ ᠶᠡᠭᠡ ᠪᠣᠢ︔ ᠡᠳ᠋ ᠤᠨ ᠵᠠᠰᠠᠭ ᠤᠨ ᠵᠠᠷᠣᠯᠭ᠎ᠠ | ᠶᠡᠭᠡ᠂ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ ᠪᠣᠢ᠃ ᠡᠳᠡᠭᠡᠷ ᠠᠰᠠᠭᠤᠳᠠᠯ ᠢ ᠪᠢᠳᠠ ᠲᠡᠭᠡᠳᠦ ᠬᠡᠮᠵᠢᠶ᠎ᠡ | ᠪᠠᠷ ᠴᠢᠬᠤᠯᠠᠴᠢᠯᠠᠵᠣ᠂ ᠢᠳᠡᠪᠬᠢᠳᠡᠢ᠂ ᠪᠣᠳᠠᠳᠠᠢ᠂ ᠪᠦᠳᠦᠮᠵᠢᠳᠡᠢ ᠠᠷᠭ᠎ᠠ ᠠᠪᠴᠠᠯ ᠢᠶᠠᠷ ᠦᠨᠡᠨ ᠬᠦ ᠰᠢᠢᠳᠪᠦᠷᠢᠯᠡᠬᠦ | ᠴᠢᠬᠤᠯᠠᠳᠠᠢ᠃ | ᠬᠤᠶᠠᠷ᠂ 2018 ᠣᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ | ᠲᠦᠯᠦᠪᠯᠡᠭᠡ | 2018 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠦ ᠢᠯᠠᠯᠳᠠ ᠶᠢ | ᠣᠯᠵᠣ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ | ᠪᠣᠯᠣᠨ᠎ᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠣ ᠣᠯᠣᠰ ᠤᠨ ᠤᠨᠴᠠᠯᠢᠭ ᠲᠠᠢ | ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠲᠣᠭᠳᠠᠭᠤᠨ ᠢᠶᠠᠷ ᠠᠬᠢᠭᠤᠯᠬᠤ ᠠᠵᠢᠯ ᠤᠨ | ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠬᠦᠭᠵᠢᠯᠳᠡ ᠤᠨ ᠦᠵᠡᠯᠳᠡ ᠶᠢ ᠪᠠᠷᠢᠮᠳᠠᠯᠠᠵᠣ᠂ ︽ᠲᠠᠪᠤ ᠶᠢ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠪᠣᠯᠣᠨ ︽ᠲᠦᠷᠪᠠᠨ ᠪᠦᠬᠦ ᠲᠠᠯ᠎ᠠ︾ ᠶᠢᠨ ᠪᠠᠶᠢᠯᠳᠣᠬᠤ | ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠨᠢᠭᠡᠳᠦᠯᠳᠡᠢ ᠵᠣᠬᠢᠴᠠᠩᠭᠤᠢ ᠠᠬᠢᠭᠤᠯᠵᠣ᠂ ᠴᠢᠨᠠᠷᠯᠢᠭ ᠬᠦᠭᠵᠢᠯᠳ᠋ᠨ ᠶᠢᠨ | ᠱᠠᠭᠠᠷᠳᠠᠯᠭ᠎ᠠ ᠶᠣᠰᠣᠭᠠᠷ᠂ ᠨᠡᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠵᠢᠴᠢ ᠦᠪᠡᠷᠳᠡᠭᠡᠨ | ᠵᠠᠰᠠᠬᠤ ᠣᠷᠣᠨ᠂ ᠬᠤᠳᠠ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠲᠦᠷᠦᠯ ᠤᠨ | ᠰᠢᠢᠡᠳᠪᠦᠷᠢᠳᠦ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠨᠣᠴᠢᠳᠠᠢ ᠲᠦᠭᠰᠢᠭᠦᠷᠢ ᠶᠢ | ᠰᠡᠷᠭᠡᠶᠢᠯᠡᠬᠦ᠂ ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ | ᠭᠤᠷᠪᠠᠨ ᠶᠡᠭᠡ ᠰᠢᠪᠳᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠦᠷ ᠬᠢᠵᠣ᠂ ᠬᠦᠭᠵᠢᠯᠳᠡ᠂ ᠠᠷᠠᠳ ᠤᠨ | ᠠᠮᠢᠳᠣᠷᠠᠯ᠂ ᠠᠮᠢ ᠠᠬᠤᠢ ᠭᠤᠷᠪᠠᠨ ᠬᠤᠷᠢᠭ᠎ᠠ ᠱᠣᠭᠤᠮ ᠢ ᠪᠠᠳᠦ ᠰᠠᠬᠢᠵᠣ᠂ ᠠᠵᠣ ᠠᠮᠢᠳᠣᠷᠠᠯ ᠴᠢᠨᠡᠭᠡᠯᠢᠭ᠂ | ᠣᠶᠣᠨ ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ ᠵᠢᠷᠣᠮ ᠰᠠᠶᠢᠨ᠂ ᠬᠡᠪ ᠰᠣᠷᠳᠠᠯ ᠲᠦᠪ | ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠴᠣᠭᠴᠠᠯᠠᠨ᠎ᠠ᠃ | ᠠᠵᠣ ᠠᠬᠤᠢ ᠶᠢᠨ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠭᠤᠣᠯ ᠬᠠᠷᠠᠯᠳᠠ ᠪᠣᠯ᠄ ᠭᠠᠵᠠᠷ ᠣᠷᠣᠨ | ᠤ ᠣᠶᠢᠯᠠᠳᠪᠦᠷᠢᠯᠡᠯ ᠤᠨ ᠶᠡᠷᠦᠩᠬᠡᠢ ᠦᠷᠳᠡᠭ ᠢ 7% ᠨᠡᠮᠡᠭᠳᠡᠭᠦᠯᠵᠣ᠂ ᠬᠤᠳᠠ ᠭᠦᠳᠡᠭᠡ ᠶᠢᠨ ᠰᠠᠭᠤᠭᠠᠯᠢ ᠠᠷᠠᠳ | ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠣᠷᠣᠯᠭ᠎ᠠ ᠶᠢ ᠲᠣᠰᠪᠦᠷᠢ 7.5% ᠪᠠ 8% ᠨᠡᠮᠡᠭᠳᠡᠭᠦᠯᠦᠨ᠎ᠡ᠃ | ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 3% ᠲᠣᠳᠣᠷ᠎ᠠ ᠬᠢᠵᠠᠭᠠᠷᠯᠠᠵᠣ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠭᠡᠷᠡᠴᠢᠯᠡᠯᠳᠡ ᠶᠢ ᠪᠣᠳᠠᠳᠠᠢ ᠠᠬᠢᠭᠤᠯᠵᠣ᠂ ᠡᠨᠧᠷᠬᠢ | ᠠᠷᠪᠢᠯᠠᠨ ᠪᠣᠬᠢᠷᠳᠣᠯ ᠪᠠᠭᠠᠰᠬᠠᠬᠤ ᠡᠭᠦᠷᠭᠡ ᠶᠢ ᠪᠡᠶᠡᠯᠡᠭᠦᠯᠦᠨ᠂ ᠡᠳ᠋ ᠤᠨ ᠵᠠᠰᠠᠭ᠂ ᠮᠦᠩᠭᠦᠨ ᠭᠦᠢᠯᠭᠡᠭᠡᠨ ᠤ | ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠵᠣ᠂ ᠵᠠᠰᠠᠭ ᠤᠨ ᠣᠷᠳᠣᠨ ᠤ ᠦᠷᠢ ᠦᠭᠴᠡᠭᠡ ᠶᠢ ᠰᠢᠢᠳᠪᠦᠷᠢᠯᠡᠬᠦ ᠵᠢᠯ | ᠤᠨ ᠡᠬᠦᠷᠭᠡ ᠪᠠᠨ ᠪᠡᠶᠡᠯᠡᠭᠦᠯᠦᠨ᠎ᠡ᠃ ᠲᠡᠭᠡᠷᠡᠬᠢ ᠬᠠᠷᠠᠯᠳᠠ ᠶᠢᠨ ᠲᠣᠭᠤᠷᠢᠨ ᠳᠤ ᠪᠦᠬᠦ ᠬᠤᠰᠢᠭᠤ ᠪᠠᠷ ᠢᠶᠠᠨ | ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠦᠷ ᠠᠳᠬᠤᠨ᠎ᠠ᠄ | ︵ᠨᠢᠭᠡ︶ ︽ᠭᠤᠷᠪᠠᠨ ᠶᠡᠭᠡ ᠰᠢᠪᠳᠤᠯᠤᠯᠳᠠ ᠶᠢᠨ ᠠᠵᠢᠯ︾ ᠢ ᠰᠠᠶᠢᠳᠤᠷ ᠬᠢᠵᠤ ᠴᠢᠬᠤᠯᠠ | ᠲᠤᠤᠱᠯᠠᠭᠤᠯᠤᠯᠳᠠ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ᠃ ᠰᠢᠪᠳᠤᠯᠤᠯᠳᠠ ᠶᠢᠨ ᠡᠭᠦᠷᠭᠡ ᠶᠢᠨ ᠲᠣᠭᠤᠷᠢᠨ | ᠳᠤ ᠬᠠᠷᠢᠭᠤᠴᠠᠯᠭ᠎ᠠ ᠶᠢ ᠲᠤᠳᠤᠳᠬᠠᠵᠤ ᠲᠥᠷᠥ ᠶᠢᠨ ᠪᠤᠳᠤᠯᠭ᠎ᠠ ᠶᠢᠨ ᠪᠠᠳᠤᠯᠠᠭ᠎ᠠ ᠶᠢ ᠴᠢᠩᠭᠠᠳᠬᠠᠨ ᠡᠯ᠎ᠡ ᠠᠵᠢᠯ ᠢ | ᠰᠠᠶᠢᠳᠤᠷ ᠪᠡᠶᠡᠯᠡᠭᠦᠯᠥᠨ᠎ᠡ᠃ ᠨᠢᠭᠡ ᠳᠤ᠂ ᠨᠤᠴᠢᠳᠠᠢ ᠲᠥᠭᠰᠢᠭᠦᠷᠢ ᠶᠢ ᠰᠡᠷᠭᠡᠶᠢᠯᠡᠨ ᠵᠠᠶᠢᠯᠠᠭᠤᠯᠬᠤ ᠠᠵᠢᠯ ᠢ | ᠰᠢᠪᠳᠤᠯᠤᠯᠳᠠ ᠲᠠᠢ ᠰᠠᠶᠢᠳᠤᠷ ᠬᠢᠨ᠎ᠡ᠃ ᠨᠤᠴᠢᠳᠠᠢ ᠲᠥᠭᠰᠢᠭᠦᠷᠢ ᠶᠢᠨ ᠬᠢᠨᠠᠯᠳᠠ ᠭᠡᠮᠵᠢᠯᠳᠡ᠂ ᠮᠠᠭᠠᠳᠯᠠᠯ | ᠲᠥᠰᠥᠭᠡᠯᠡᠯ᠂ ᠰᠡᠷᠭᠡᠶᠢᠯᠡᠯ ᠲᠥᠷᠢᠮᠵᠢᠯ ᠶᠢ ᠤᠯᠠᠮ ᠲᠡᠭᠦᠯᠳᠡᠷᠵᠢᠭᠦᠯᠵᠥ᠂ ᠲᠥᠭᠰᠢᠭᠦᠷᠢ ᠰᠡᠷᠭᠡᠶᠢᠯᠡᠭᠦ ᠲᠥᠷᠥ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠭᠥᠢᠴᠡᠳ ᠠᠬᠢᠭᠤᠯᠤᠨ᠎ᠠ᠃ ᠢᠷᠡᠯᠳᠡ ᠶᠢ ᠥᠷᠭᠡᠳᠭᠡᠨ ᠠᠷᠪᠢᠯᠠᠬᠤ ᠶᠢ | ᠴᠢᠩᠭᠠᠳᠬᠠᠵᠤ᠂ ᠭᠤᠤᠯᠳᠠᠯᠭᠠᠳᠤ ᠡᠳ᠋ ᠤᠨ ᠢᠷᠡᠯᠳᠡ ᠪᠠ ᠤᠷᠤᠯᠭ᠎ᠠ ᠶᠢᠨ ᠨᠡᠮᠡᠭᠳᠡᠯ ᠢ ᠭᠥᠨᠵᠡᠭᠡᠶᠢᠷᠡᠭᠦᠯᠵᠥ᠂ ᠲᠤᠰ | ᠵᠢᠯ ᠳᠤ 12.54 ᠳ᠋ᠥᠩᠰᠢᠭᠤᠷ ᠲᠥᠭᠦᠷᠢᠭ ᠤᠨ ᠵᠠᠰᠠᠭ ᠤᠨ ᠤᠷᠳᠤᠨ ᠤ ᠥᠷᠢ ᠥᠭᠴᠡᠭᠡ ᠶᠢ ᠢᠯᠭᠠᠷᠠᠭᠤᠯᠵᠤ᠂ | ᠥᠷᠢ ᠶᠢᠨ ᠨᠤᠷᠮ᠎ᠠ ᠶᠢ 17% ᠪᠠᠭᠤᠷᠠᠭᠤᠯᠤᠨ᠎ᠠ᠃ ᠵᠠᠰᠠᠭ ᠤᠨ ᠤᠷᠳᠤᠨ ᠤ ᠥᠷᠢ ᠨᠡᠮᠡᠭᠳᠡᠭᠦ ᠶᠢ ᠴᠢᠩᠭ᠎ᠠ | ᠰᠡᠷᠭᠡᠶᠢᠯᠡᠨ ᠡᠵᠡᠮᠳᠡᠵᠥ᠂ ︽ᠤᠳᠤᠭ ᠤᠨ ᠡᠮᠥᠨᠡᠳᠥ ᠬᠤᠰᠢᠭᠤᠨ ᠤ ᠵᠠᠰᠠᠭ ᠤᠨ ᠤᠷᠳᠤᠨ ᠤ ᠪᠡᠯᠡ ᠤᠷᠤᠭᠤᠯᠤᠯᠳᠠ | ᠶᠢᠨ ᠲᠥᠷᠥᠯ ᠵᠥᠢᠯ ᠤᠨ ᠬᠠᠮᠢᠶᠠᠷᠤᠯᠳᠠ ᠶᠢᠨ ᠠᠷᠭ᠎ᠠ︾ ᠶᠢ ᠴᠢᠩᠭ᠎ᠠ ᠭᠡᠷᠡᠭᠵᠢᠭᠦᠯᠥᠨ᠂ ᠤᠨ ᠤ ᠲᠥᠰᠥᠪ ᠲᠤ | ᠤᠷᠤᠭᠤᠯᠤᠭᠰᠠᠨ ᠥᠭᠡᠢ ᠪᠤᠶᠤ ᠡᠳ᠋ ᠤᠨ ᠢᠷᠡᠯᠳᠡ ᠶᠢ ᠨᠢ ᠨᠠᠶᠢᠳᠠᠪᠤᠷᠢᠵᠢᠭᠤᠯᠤᠭᠰᠠᠨ ᠥᠭᠡᠢ ᠲᠥᠷᠥᠯ ᠵᠥᠢᠯ ᠢ | ᠴᠥᠮ ᠬᠢᠨᠠᠨ ᠴᠤᠬᠤᠯᠠᠪᠤᠷᠢᠯᠠᠬᠤ ᠥᠭᠡᠢ ᠪᠥᠭᠡᠳ ᠡᠳ᠋ ᠤᠨ ᠵᠠᠰᠠᠭ ᠤᠨ ᠲᠠᠭᠠᠭᠠᠴᠠ ᠠᠴᠠ ᠭᠡᠳᠥᠷᠡᠭᠰᠡᠨ ᠲᠥᠷᠥᠯ | ᠵᠥᠢᠯ ᠢ ᠡᠷᠡᠰ ᠲᠠᠳᠠᠭᠠᠯᠵᠠᠨ᠂ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠲᠥᠷᠥᠯ ᠵᠥᠢᠯ ᠢ ᠲᠤᠭᠳᠠᠮᠠᠯ | ᠬᠤᠭᠤᠴᠠᠭ᠎ᠠ ᠲᠠᠢ ᠪᠠᠷ ᠴᠡᠭᠴᠡᠯᠡᠨ ᠢᠯᠭᠠᠪᠤᠷᠢᠯᠠᠵᠤ ᠲᠤᠳᠤᠳᠬᠠᠨ᠂ ᠥᠷᠢ ᠰᠢᠷᠢ ᠶᠢᠨ ᠨᠡᠮᠡᠭᠳᠡᠯ ᠢ ᠲᠠᠰᠤ | ᠬᠤᠷᠢᠭᠯᠠᠨ᠎ᠠ᠃ ᠰᠢᠰᠲ᠋ᠧᠮᠴᠢ ᠴᠢᠨᠠᠷ ᠲᠠᠢ ᠪᠠ ᠨᠤᠳᠤᠭ ᠤᠷᠤᠨ ᠬᠠᠮᠤᠷᠤᠭᠰᠠᠨ ᠮᠥᠩᠭᠦᠨ ᠭᠥᠢᠯᠭᠡᠭᠡᠨ ᠤ | ᠲᠥᠭᠰᠢᠭᠦᠷᠢ ᠡᠭᠦᠰᠭᠦ ᠶᠢ ᠪᠥᠳᠥᠮᠵᠢᠳᠠᠢ ᠴᠢᠩᠭ᠎ᠠ ᠬᠢᠵᠠᠭᠠᠷᠯᠠᠨ᠎ᠠ᠃ ᠬᠤᠶᠠᠷ ᠲᠤ᠂ ᠨᠠᠷᠢᠯᠢᠭ ᠤᠨᠤᠪᠴᠢᠳᠠᠢ ᠪᠠᠷ | ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠢᠪᠳᠤᠯᠤᠯᠳᠠ ᠲᠠᠢ ᠰᠠᠶᠢᠳᠤᠷ ᠬᠢᠨ᠎ᠡ᠃ ︽ᠬᠤᠶᠠᠷ ᠲᠤ ᠵᠣᠪᠠᠨᠢᠯ | ᠥᠭᠡᠢ᠂ ᠭᠤᠷᠪᠠ ᠳᠤ ᠪᠠᠳᠤᠯᠠᠭᠠᠳᠠᠢ︾ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠶᠤᠰᠤᠭᠠᠷ ︽ᠵᠢᠷᠭᠤᠭ᠎ᠠ ᠶᠢ | ᠨᠠᠷᠢᠯᠢᠭᠵᠢᠭᠤᠯᠬᠤ︾᠂ ︽ᠲᠠᠪᠤᠨ ᠨᠢᠭᠡ ᠪᠥᠯᠥᠭ︾ ᠤᠨ ᠪᠤᠳᠠᠳᠠᠢ ᠠᠷᠭ᠎ᠠ ᠠᠪᠴᠠᠯ ᠢ ᠰᠠᠶᠢᠳᠤᠷ ᠲᠤᠤᠱᠯᠠᠭᠤᠯᠤᠨ | ᠨᠠᠷᠢᠯᠢᠭ ᠨᠠᠶᠢᠳᠠᠪᠤᠷᠢᠵᠢᠭᠤᠯᠵᠤ᠂ ᠰᠢᠨ᠎ᠡ ᠲᠤᠳᠤᠯᠠᠭᠰᠠᠨ ᠶᠠᠳᠠᠭᠤ ᠭᠥᠴᠢᠷᠳᠡᠯᠳᠡᠢ ᠡᠷᠥᠭᠡ ᠶᠢ ᠲᠤᠰ ᠵᠢᠯ ᠲᠤᠳᠤᠷ᠎ᠠ | ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠨ᠎ᠠ᠃ ᠮᠠᠯ ᠲᠠᠷᠢᠶᠠᠯᠠᠩ ᠤᠨ ᠬᠠᠩᠭᠠᠯᠠᠭ᠎ᠠ ᠶᠢᠨ ᠲᠠᠯ᠎ᠠ ᠶᠢᠨ | ᠪᠥᠳᠥᠴᠡ ᠶᠢᠨ ᠴᠢᠨᠠᠷᠳᠠᠢ ᠥᠭᠡᠷᠡᠴᠢᠯᠡᠯᠳᠡ ᠶᠢ ᠯᠠᠪᠳᠠᠭᠤᠨ ᠠᠬᠢᠭᠤᠯᠵᠤ᠂ ᠭᠠᠴᠠᠭ᠎ᠠ ᠲᠤᠰᠬᠤᠨ ᠤ ᠨᠡᠶᠢᠳᠡ ᠶᠢᠨ | ᠠᠵᠤ ᠠᠬᠤᠢ ᠶᠢ ᠪᠤᠵᠠᠭᠠᠶᠢᠷᠠᠭᠤᠯᠤᠨ᠂ ᠠᠵᠤ ᠥᠢᠯᠡᠰ ᠢᠶᠠᠷ ᠶᠠᠳᠠᠭᠤ ᠶᠢ ᠲᠡᠳᠭᠦᠭᠦ ᠶᠢ ᠢᠯᠠᠩᠭᠤᠶ᠎ᠠ | ᠴᠢᠬᠤᠯᠠᠴᠢᠯᠠᠨ᠎ᠠ᠃ ᠡᠷᠡᠭᠦᠯ ᠡᠩᠭᠡ ᠪᠠᠷ ᠶᠠᠳᠠᠭᠤ ᠶᠢ ᠲᠡᠳᠭᠦᠭᠦ ᠠᠵᠢᠯ ᠢ ᠴᠢᠬᠤᠯᠠᠴᠢᠯᠠᠨ᠂ ᠶᠠᠳᠠᠭᠤ ᠭᠥᠴᠢᠷᠳᠡᠯᠳᠡᠢ | ᠡᠪᠡᠳᠴᠢᠳᠠᠳ ᠤᠨ ᠲᠠᠩᠰᠠ ᠲᠠᠶᠢᠯᠬᠤ ᠬᠠᠷᠢᠴᠠᠯ ᠢ ᠲᠡᠭᠡᠭᠰᠢᠯᠡᠭᠦᠯᠵᠤ᠂ ᠶᠠᠳᠠᠭᠤ ᠭᠥᠴᠢᠷᠳᠡᠯᠳᠡᠢ ᠭᠥᠮᠥᠨ ᠠᠮᠠ ᠶᠢᠨ | ᠬᠦᠳᠡᠯᠦᠩᠭᠦᠢ ᠬᠠᠮᠢᠶᠠᠷᠤᠯᠳᠠ ᠶᠢ ᠴᠢᠩᠭᠠᠳᠬᠠᠨ᠂ ᠠᠷᠠᠳ ᠤᠯᠠᠨ ᠤ ᠭᠠᠮᠰᠢᠭ ᠠᠴᠠ ᠪᠤᠯᠵᠤ ᠶᠠᠳᠠᠭᠤᠷᠠᠬᠤ ᠪᠠ | ᠡᠪᠡᠳᠴᠢᠨ ᠠᠴᠠ ᠪᠤᠯᠵᠤ ᠶᠠᠳᠠᠭᠤᠷᠠᠬᠤ ᠥᠵᠡᠭᠳᠡᠯ ᠢ ᠡᠷᠡᠰ ᠵᠤᠭᠰᠤᠭᠠᠨ᠎ᠠ᠃ ᠶᠠᠳᠠᠭᠤ ᠶᠢ ᠲᠡᠳᠭᠦᠭᠦ ᠪᠤᠯᠤᠨ | ᠢᠳᠡᠭᠡᠯ ᠴᠢᠩᠭᠠᠯᠠᠬᠤ᠂ ᠮᠡᠷᠭᠡᠵᠢᠯ ᠴᠢᠩᠭᠠᠳᠬᠠᠬᠤ ᠶᠢ ᠬᠠᠮᠳᠤᠳᠠ ᠤᠶᠠᠯᠳᠤᠭᠤᠯᠤᠨ᠂ ᠶᠠᠳᠠᠭᠤ ᠭᠥᠴᠢᠷᠳᠡᠯᠳᠡᠢ | ᠡᠷᠥᠭᠡ ᠶᠢᠨ ᠭᠥᠰᠡᠯ ᠵᠤᠷᠢᠭ ᠢ ᠨᠢ ᠭᠥᠭᠵᠢᠭᠡᠨ᠎ᠡ᠃ ᠭᠤᠷᠪᠠ ᠳᠤ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ | ᠰᠢᠪᠳᠤᠯᠤᠯᠳᠠ ᠲᠠᠢ ᠰᠠᠶᠢᠳᠤᠷ ᠬᠢᠨ᠎ᠡ᠃ ︽ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠷᠪᠠᠨ ᠵᠤᠷᠪᠤᠰ | ᠠᠷᠭ᠎ᠠ ᠠᠪᠴᠠᠯ︾᠂ ︽ᠤᠰᠤᠨ ᠰᠤᠷᠪᠤᠯᠵᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠥᠯᠥᠪᠯᠡᠭᠡ ︿ᠤᠰᠤᠨ | ᠠᠷᠪᠠᠨ ᠵᠤᠷᠪᠤᠰ﹀︾᠂ ︽ᠭᠠᠵᠠᠷ ᠰᠢᠷᠥᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠥᠯᠥᠪᠯᠡᠭᠡ ︿ᠭᠠᠵᠠᠷ | ᠠᠷᠪᠠᠨ ᠵᠤᠷᠪᠤᠰ﹀︾᠂ ︽ᠭᠤᠤᠯ ᠤᠨ ᠲᠠᠷᠤᠭᠠᠴᠢ ᠶᠢᠨ ᠲᠥᠷᠢᠮ︾᠂ ︽ᠬᠠᠶᠠᠭᠳᠠᠮᠠᠯ ᠰᠢᠩᠭᠡᠨ ᠰᠢᠪᠡᠷ ᠢ | ᠪᠤᠬᠢᠷᠳᠤᠯ ᠥᠭᠡᠢ ᠰᠢᠢᠳᠪᠥᠷᠢᠯᠡᠭᠦ ᠲᠥᠷᠢᠮ︾ ᠵᠡᠷᠭᠡ ᠱᠠᠭᠠᠷᠳᠠᠯᠭ᠎ᠠ ᠨᠤᠭᠤᠳ ᠢ ᠨᠠᠶᠢᠳᠠᠪᠤᠷᠢᠵᠢᠭᠤᠯᠤᠨ᠂ ᠠᠵᠤ | ᠠᠬᠤᠶᠢᠯᠠᠯ ᠤᠳ ᠤᠨ ᠲᠥᠷᠢᠮ ᠵᠥᠷᠢᠴᠡᠨ ᠪᠤᠬᠢᠷᠳᠤᠯ ᠭᠠᠳᠠᠭᠰᠢᠯᠠᠭᠤᠯᠬᠤ ᠥᠵᠡᠭᠳᠡᠯ ᠳᠤ ᠡᠷᠡᠰ ᠴᠤᠬᠢᠯᠳᠠ ᠥᠭᠴᠥ | ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠤᠨ ᠪᠤᠬᠢᠷᠳᠤᠯ ᠰᠡᠷᠭᠡᠶᠢᠯᠡᠯᠳᠡ ᠶᠢ ᠴᠢᠩᠭᠠᠳᠬᠠᠵᠤ᠂ ᠱᠠᠩᠬᠠᠢ ᠶᠢᠨ | ᠰᠥᠮ᠎ᠡ ᠡᠨᠧᠷᠬᠢ ᠬᠢᠮᠢ ᠶᠢᠨ ᠠᠵᠤ ᠥᠢᠯᠡᠳᠪᠥᠷᠢ ᠶᠢᠨ ᠰᠠᠭᠤᠷᠢᠨ ᠤ ᠤᠯᠤᠰ ᠤᠨ ᠠᠮᠢ ᠠᠬᠤᠶᠢᠴᠢ ᠠᠵᠤ | ᠥᠢᠯᠡᠳᠪᠥᠷᠢ ᠶᠢᠨ ᠲᠠᠭᠤᠷᠢᠶᠠᠯ ᠲᠤᠭᠤᠷᠢᠭ ᠤᠨ ᠪᠠᠶᠢᠭᠤᠯᠤᠯᠳᠠ ᠶᠢ ᠠᠬᠢᠭᠤᠯᠤᠨ᠎ᠠ᠃ ᠡᠯ᠎ᠡ ᠪᠠᠯᠭᠠᠰᠤᠨ ᠤ ᠪᠤᠬᠢᠷ | ᠤᠰᠤ ᠬᠢᠭᠡᠳ ᠬᠤᠭ ᠨᠤᠪᠰᠢ ᠰᠢᠢᠳᠪᠥᠷᠢᠯᠡᠭᠦ ᠲᠤᠨᠤᠭ ᠲᠥᠭᠦᠭᠡᠷᠤᠮᠵᠢ ᠶᠢᠨ ᠪᠠᠶᠢᠭᠤᠯᠤᠯᠳᠠ ᠶᠢ ᠲᠥᠷᠭᠡᠳᠭᠡᠵᠥ᠂ | ᠪᠡᠭᠡᠵᠢᠩ ᠲᠢᠶᠠᠨᠵᠢᠨ ᠤ ᠰᠠᠯᠬᠢ ᠰᠢᠷᠥᠢ ᠶᠢᠨ ᠡᠬᠢ ᠶᠢᠨ ᠵᠠᠰᠠᠯᠳᠠ ᠪᠠ ᠤᠯᠤᠰ ᠤᠨ ᠭᠥᠷᠥᠰᠥ ᠰᠢᠷᠥᠢ ᠶᠢᠨ | ᠢᠳᠡᠭᠳᠡᠯ ᠤᠨ ᠵᠠᠰᠠᠯᠳᠠ᠂ ᠪᠠᠶᠢᠭᠠᠯᠢ ᠶᠢᠨ ᠤᠢ ᠶᠢᠨ ᠬᠠᠮᠠᠭᠠᠠᠯᠠᠯᠳᠠ ᠵᠡᠷᠭᠡ ᠭᠤᠤᠯᠳᠠᠯᠭᠠᠳᠤ ᠠᠮᠢ ᠠᠬᠤᠢ ᠶᠢᠨ | ᠢᠨᠵᠧᠨᠧᠷᠢᠩ ᠢ ᠥᠷᠭᠦᠯᠵᠢᠳᠡ ᠰᠠᠶᠢᠳᠤᠷ ᠭᠡᠷᠡᠭᠵᠢᠭᠦᠯᠥᠨ᠂ ᠠᠮᠢ ᠠᠬᠤᠢ ᠶᠢᠨ ᠪᠤᠯᠪᠠᠰᠤᠨ ᠤ ᠲᠠᠭᠤᠷᠢᠶᠠᠯ | ᠬᠤᠰᠢᠭᠤᠨ ᠤ ᠪᠠᠶᠢᠭᠤᠯᠤᠯᠳᠠ ᠶᠢ ᠲᠥᠷᠭᠡᠳᠭᠡᠨ᠎ᠡ᠃ | ︵ᠬᠤᠶᠠᠷ︶ ︽ᠲᠥᠷᠥᠯ ᠵᠥᠢᠯ ᠤᠨ ᠰᠢᠪᠳᠤᠯᠤᠯᠳᠠ︾ ᠶᠢᠨ ᠠᠵᠢᠯᠯᠠᠭ᠎ᠠ ᠶᠢ ᠭᠥᠨᠵᠡᠭᠡᠢ ᠠᠬᠢᠭᠤᠯᠵᠤ᠂ | ᠠᠵᠤ ᠠᠬᠤᠢ ᠶᠢᠨ ᠭᠥᠭᠵᠢᠯᠳᠡ ᠶᠢᠨ ᠰᠢᠨ᠎ᠡ ᠭᠥᠳᠡᠯᠭᠡᠭᠴᠢ ᠭᠥᠴᠥᠨ ᠢ ᠪᠤᠶᠢᠵᠢᠭᠤᠯᠤᠨ᠎ᠠ᠃ ᠪᠡᠯᠡ ᠤᠷᠤᠭᠤᠯᠤᠯᠳᠠ | ᠶᠢᠨ ᠰᠢᠨ᠎ᠡ ᠬᠠᠨᠳᠤᠰᠢ ᠶᠢ ᠡᠵᠡᠮᠳᠡᠵᠥ᠂ ᠵᠠᠩᠬᠢᠯᠠᠭ᠎ᠠ ᠶᠢᠨ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠣ | ᠣᠶᠢᠯᠠᠳᠪᠦᠷᠢᠯᠡᠯ ᠡᠬᠢᠯᠡᠭᠦᠯᠥᠨ᠂ ᠭᠤᠤᠯᠳᠠᠯᠭᠠᠳᠠᠢ ᠪᠠᠶᠢᠭᠤᠯᠬᠤ ᠲᠥᠷᠥᠯ ᠵᠥᠢᠯ ᠤᠨ ᠲᠠᠳᠠᠬᠤ ᠭᠥᠴᠥᠨ ᠢ | ᠭᠥᠢᠴᠡᠳ ᠠᠭᠤᠳᠠᠯᠠᠨ᠎ᠠ᠃ ᠨᠢᠭᠡ ᠳᠤ᠂ ᠲᠥᠷᠥᠯ ᠵᠥᠢᠯ ᠠᠬᠢᠭᠤᠯᠬᠤ ᠲᠤᠭᠳᠠᠴᠠ ᠶᠢ ᠴᠢᠩᠭᠠᠳᠬᠠᠨ᠎ᠠ᠃ ᠬᠠᠨᠳᠤᠰᠢ | ᠶᠢ ᠪᠠᠷᠢᠮᠳᠠᠯᠠᠨ ᠭᠤᠤᠯᠳᠠᠯᠭᠠᠳᠤ ᠲᠥᠷᠥᠯ ᠵᠥᠢᠯ ᠤᠨ ᠬᠠᠷᠢᠭᠤᠴᠠᠯᠭ᠎ᠠ ᠶᠢ ᠲᠠᠭᠠᠭᠠᠴᠢᠯᠠᠨ ᠬᠤᠯᠪᠤᠭᠠᠯᠠᠬᠤ᠂ | ᠲᠤᠭᠳᠠᠮᠠᠯ ᠬᠤᠭᠤᠴᠠᠭ᠎ᠠ ᠲᠠᠢ ᠪᠠᠷ ᠵᠤᠬᠢᠴᠠᠭᠤᠯᠬᠤ᠂ ᠪᠥᠷᠢᠳᠭᠡᠯ ᠲᠠᠢ ᠬᠠᠮᠢᠶᠠᠷᠬᠤ ᠠᠵᠢᠯ ᠤᠨ ᠲᠤᠭᠳᠠᠴᠠ ᠶᠢ | ᠪᠠᠶᠢᠭᠤᠯᠤᠨ ᠲᠡᠭᠦᠯᠳᠡᠷᠵᠢᠭᠦᠯᠵᠥ᠂ ᠵᠥᠪᠰᠢᠶᠡᠷᠡᠯ ᠤᠯᠤᠭᠰᠠᠨ ᠲᠥᠷᠥᠯ ᠵᠥᠢᠯ ᠢ ᠡᠬᠢᠯᠡᠭᠦᠯᠭᠦ ᠪᠠ ᠰᠡᠷᠭᠦᠭᠡᠭᠦ ᠠᠯᠬᠤᠮ | ᠢ ᠲᠥᠷᠭᠡᠳᠭᠡᠵᠥ᠂ ᠴᠤᠬᠤᠯᠠᠪᠤᠷᠢᠯᠠᠭᠳᠠᠭᠠᠳᠥᠢ ᠲᠥᠷᠥᠯ ᠵᠥᠢᠯ ᠤᠨ ᠨᠢᠭᠡᠴᠡ ᠶᠢ ᠰᠢᠪᠠᠳᠠᠨ ᠲᠥᠯᠥᠪᠵᠢᠭᠦᠯᠭᠦ᠂ | ᠭᠠᠵᠠᠷ ᠲᠠᠳᠠᠪᠤᠷᠢᠯᠠᠬᠤ᠂ ᠤᠷᠴᠢᠨ ᠲᠤᠭᠤᠷᠢᠨ ᠤ ᠥᠨᠡᠯᠡᠯᠳᠡ ᠵᠡᠷᠭᠡ ᠡᠮᠥᠨ᠎ᠡ ᠬᠤᠭᠤᠴᠠᠭᠠᠨ ᠤ ᠠᠵᠢᠯ ᠢ | ᠱᠠᠯᠠᠪᠳᠠᠭᠤᠯᠵᠤ᠂ ᠬᠤᠭᠤᠴᠠᠭ᠎ᠠ ᠶᠤᠰᠤᠭᠠᠷ ᠠᠵᠢᠯ ᠡᠬᠢᠯᠡᠭᠦ ᠶᠢ ᠨᠢ ᠪᠠᠳᠤᠯᠠᠨ᠎ᠠ᠃ ᠪᠥᠳᠥᠭᠡᠨ ᠪᠠᠶᠢᠭᠤᠯᠤᠯᠳᠠ ᠶᠢᠨ | ᠴᠢᠬᠤᠯᠠ ᠲᠥᠷᠥᠯ ᠵᠥᠢᠯ ᠤᠨ ᠭᠥᠮᠥᠷᠭᠡ ᠶᠢ ᠢᠳᠡᠪᠬᠢᠳᠡᠢ ᠪᠠᠷ ᠲᠣᠬᠢᠷᠠᠭᠤᠯᠣᠨ ᠲᠡᠭᠦᠯᠳᠡᠷᠵᠢᠭᠦᠯᠵᠥ ᠪᠥᠷᠢᠨᠰᠢᠭᠦᠯᠥᠨ | ᠂ ᠪᠡᠯᠡᠳᠭᠡᠯ ᠲᠥᠷᠥᠯ ᠵᠥᠢᠯ ᠤᠳ ᠢ ᠪᠤᠯᠪᠠᠰᠤᠷᠠᠩᠭᠤᠢ ᠪᠤᠯᠭᠠᠵᠤ᠂ ︽ᠨᠢᠭᠡ ᠪᠥᠯᠥᠭ ᠢ ᠨᠢ ᠲᠠᠭᠤᠰᠬᠠᠵᠤ᠂ ᠨᠢᠭᠡ | ᠪᠥᠯᠥᠭ ᠢ ᠨᠢ ᠡᠬᠢᠯᠡᠭᠦᠯᠤᠨ᠂ ᠨᠢᠭᠡ ᠪᠥᠯᠥᠭ ᠢ ᠨᠢ ᠪᠡᠯᠡᠳᠭᠡᠵᠥ᠂ ᠨᠢᠭᠡ ᠪᠥᠯᠥᠭ ᠢ ᠨᠢ ᠲᠤᠭᠳᠠᠭᠠᠬᠤ︾ | ᠵᠤᠬᠢᠴᠠᠯᠳᠤ ᠲᠤᠭᠳᠠᠴᠠ ᠶᠢ ᠪᠥᠷᠢᠳᠥᠭᠦᠯᠥᠨᠡ᠃ ᠬᠤᠶᠠᠷ ᠲᠤ᠂ ᠪᠦᠳᠦᠮᠵᠢᠳᠠᠢ ᠪᠡᠯᠡ ᠣᠷᠣᠭᠤᠯᠣᠯᠳᠠ ᠶᠢ | ᠦᠷᠭᠦᠯᠵᠢᠯᠡᠨ ᠦᠷᠭᠡᠳᠬᠡᠨ᠎ᠡ᠃ 240 ᠳ᠋ᠦᠩᠰᠢᠭᠤᠷ ᠲᠦᠭᠦᠷᠢᠭ ᠪᠡᠯᠡ ᠣᠷᠣᠭᠤᠯᠣᠨ᠂ 155 ᠲᠦᠷᠦᠯ ᠵᠣᠶᠢᠯ ᠢ | ᠬᠡᠷᠡᠭᠵᠢᠭᠦᠯᠦᠨ᠎ᠡ᠃ ᠡᠬᠦᠨ ᠳᠤ᠂ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠣᠶᠢᠯ ᠢ 48 | ᠬᠡᠷᠡᠭᠵᠢᠭᠦᠯᠵᠣ᠂ ᠪᠦᠬᠦ ᠵᠢᠯ ᠳᠤ 228.38 ᠳ᠋ᠦᠩᠰᠢᠭᠤᠷ ᠲᠦᠭᠦᠷᠢᠭ ᠪᠡᠯᠡ ᠣᠷᠣᠭᠤᠯᠬᠤ ᠪᠠᠷ ᠴᠢᠷᠮᠡᠶᠢᠨ᠎ᠡ᠃ | 23 ᠠᠵᠣ ᠣᠶᠢᠯᠠᠳᠪᠦᠷᠢ ᠶᠢᠨ ᠴᠢᠬᠤᠯᠠ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠬᠡᠳᠬᠡᠵᠣ᠂ ᠱᠠᠨᠳᠦ᠋ᠩ ᠤᠨ | ᠱᠧᠩ ᠯᠦ ᠴᠠᠬᠢᠯᠭᠠᠨ ᠣᠶᠢᠯᠠᠳᠪᠦᠷᠢ ᠪᠠᠶᠢᠭᠤᠯᠣᠯᠳᠠ ᠶᠢ ᠠᠬᠢᠭᠤᠯᠵᠣ᠂ ᠤᠯᠤᠰ ᠤᠨ ᠴᠠᠬᠢᠯᠭᠠᠨ ᠪᠥᠯᠥᠭᠯᠡᠯ ᠤᠨ | ᠱᠤᠸᠠᠩ ᠸᠧᠢ ᠪᠣᠯᠣᠨ ᠤᠮᠠᠷᠠᠳᠤ ᠶᠢᠨ ᠬᠤᠯᠪᠤᠭᠠᠳᠤ ᠴᠠᠬᠢᠯᠭᠠᠨ ᠭᠥᠴᠥᠨ ᠤ ᠴᠠᠩ ᠴᠧᠩ ᠴᠠᠬᠢᠯᠭᠠᠨ ᠣᠶᠢᠯᠠᠳᠪᠦᠷᠢ | ᠶᠢ ᠲᠡᠭᠡᠷ᠎ᠡ ᠬᠠᠭᠠᠰ ᠵᠢᠯ ᠳᠤ ᠪᠠᠷᠢᠯᠭ᠎ᠠ ᠡᠬᠢᠯᠡᠭᠦᠯᠦᠨ᠂ ᠱᠧᠨ ᠬᠤᠸᠠ ᠶᠢᠨ ᠤᠯᠤᠰ ᠤᠨ ᠡᠨᠧᠷᠬᠢ ᠶᠢᠨ ᠴᠠᠬᠢᠯᠭᠠᠨ | ᠥᠢᠯᠡᠳᠪᠥᠷᠢ ᠶᠢ ᠵᠢᠯ ᠤᠨ ᠲᠣᠳᠣᠷ᠎ᠠ ᠵᠦᠪᠰᠢᠶᠡᠷᠡᠭᠦᠯᠦᠨ᠎ᠡ︔ ᠬᠤᠸᠠ ᠰᠢᠩ ᠤᠨ ᠨᠡᠭᠦᠷᠡᠰᠦ ᠪᠠᠷ ᠬᠡᠢ ᠣᠶᠢᠯᠡᠳᠬᠦ | ᠲᠥᠷᠥᠯ ᠵᠥᠢᠯ ᠢ ᠵᠢᠯ ᠤᠨ ᠲᠣᠳᠣᠷ᠎ᠠ ᠪᠠᠷᠢᠯᠭ᠎ᠠ ᠡᠬᠢᠯᠡᠬᠦᠯᠬᠦ ᠨᠦᠬᠦᠴᠡᠯ ᠪᠦᠷᠢᠯᠳᠦᠭᠦᠯᠦᠨ᠎ᠡ︔ ᠨᠡᠭᠦᠷᠡᠰᠣᠨ | ᠴᠠᠬᠢᠯᠭᠠᠨ ᠤ ᠲᠦᠷᠦᠯ ᠵᠣᠶᠢᠯ ᠤᠨ ᠡᠬᠢ ᠰᠣᠷᠪᠣᠯᠵᠢ ᠶᠢᠨ ᠲᠦᠬᠦᠷᠵᠢᠭᠦᠯᠦᠯᠳᠡ ᠶᠢ ᠵᠣᠬᠢᠴᠠᠭᠤᠯᠣᠨ ᠠᠬᠢᠭᠤᠯᠵᠣ᠂ | ᠴᠠᠩ ᠴᠧᠩ 1᠂ 3᠂ 5᠂ 6 ᠨᠣᠮᠧᠷᠳᠦ ᠨᠡᠭᠦᠷᠡᠰᠣᠨ ᠠᠭᠤᠷᠬᠠᠢ ᠶᠢᠨ ᠲᠦᠷᠦᠯ ᠵᠣᠶᠢᠯ ᠪᠣᠭᠤᠮᠢ ᠬᠢᠵᠠᠭᠠᠷᠯᠠᠯ ᠢ | ᠰᠢᠪᠳᠣᠯᠣᠨ᠂ ᠠᠵᠣ ᠣᠶᠢᠯᠠᠳᠪᠦᠷᠢ ᠶᠢᠨ ᠲᠦᠷᠦᠯ ᠵᠣᠶᠢᠯ ᠤᠨ ᠪᠡᠯᠡ ᠣᠷᠣᠭᠤᠯᠣᠯᠳᠠ ᠶᠢ 165 ᠳ᠋ᠦᠩᠰᠢᠭᠤᠷ | ᠲᠦᠭᠦᠷᠢᠭ ᠠᠴᠠ ᠲᠡᠭᠡᠭᠰᠢ ᠪᠡᠶᠡᠯᠡᠭᠦᠯᠦᠨ᠎ᠡ᠃ 58 ᠲᠦᠷᠦᠯ ᠤᠨ ᠰᠠᠭᠤᠷᠢ ᠲᠦᠬᠦᠭᠡᠷᠦᠮᠵᠢ ᠶᠢᠨ ᠲᠦᠷᠦᠯ ᠵᠣᠶᠢᠯ ᠢ | ᠡᠮᠬᠢ ᠵᠢᠷᠣᠮ ᠲᠠᠢ ᠬᠡᠷᠡᠭᠵᠢᠭᠦᠯᠵᠣ᠂ ᠲᠤᠯᠢ ᠠᠴᠠ ᠱᠠᠩᠬᠠᠢ ᠶᠢᠨ ᠰᠥᠮ᠎ᠡ ᠭᠥᠷᠭᠦ ᠲᠡᠮᠤᠷ ᠵᠠᠮ ᠤᠨ ᠤᠯᠵᠠᠴᠢ ᠠᠴᠠ | ᠱᠠᠩᠬᠠᠢ ᠶᠢᠨ ᠰᠥᠮ᠎ᠡ ᠭᠥᠷᠭᠦ ᠭᠡᠰᠡᠭ᠂ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠠᠮᠣᠷ ᠵᠠᠮ ᠢ ᠲᠡᠭᠡᠷ᠎ᠡ | ᠬᠠᠭᠠᠰ ᠵᠢᠯ ᠲᠤ ᠪᠠᠷᠢᠯᠭ᠎ᠠ ᠡᠬᠢᠯᠡᠭᠦᠯᠵᠣ᠂ ᠲᠠᠬᠢᠯᠳᠦ ᠠᠴᠠ ᠪᠣᠷᠣᠪᠠᠯᠭᠠᠰᠦ᠂ ᠨᠠᠩᠰᠦ ᠠᠴᠠ ᠪᠣᠷᠣᠪᠠᠯᠭᠠᠰᠦ ᠬᠦᠷᠬᠦ | ᠵᠢᠭᠤᠯᠴᠢᠯᠠᠯ ᠤᠨ ᠲᠣᠰᠬᠠᠢ ᠱᠣᠭᠤᠮ ᠪᠣᠯᠣᠨ ᠣᠯᠵᠠᠴᠢ ᠠᠴᠠ ᠲᠣᠯᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ | ᠵᠠᠰᠠᠵᠣ ᠲᠠᠭᠤᠰᠬᠠᠨ᠎ᠠ︔ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠭᠡᠨ ᠵᠠᠮ᠂ ᠱᠠᠩᠬᠠᠢ ᠶᠢᠨ ᠰᠦᠮ᠎ᠡ | ᠠᠴᠠ ᠦᠵᠦᠭᠦᠷ ᠪᠠᠯᠭᠠᠰᠦ ᠬᠦᠷᠬᠦ ᠵᠠᠰᠠᠮᠠᠯ ᠵᠠᠮ ᠵᠢᠴᠢ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠭᠡᠷᠡᠭᠯᠡᠭᠡᠨ | ᠤ ᠨᠢᠰᠭᠡᠯ ᠤᠨ ᠪᠠᠭᠤᠳᠠᠯ ᠢ ᠠᠰᠢᠭᠯᠠᠯᠳᠠ ᠳᠤ ᠣᠷᠣᠭᠤᠯᠵᠣ᠂ ᠰᠠᠭᠤᠷᠢ ᠲᠦᠬᠦᠭᠡᠷᠦᠮᠵᠢ ᠶᠢᠨ ᠲᠦᠷᠦᠯ ᠵᠣᠶᠢᠯ ᠤᠨ | ᠪᠡᠯᠡ ᠣᠷᠣᠭᠤᠯᠣᠯᠳᠠ ᠶᠢ 62 ᠳ᠋ᠦᠩᠰᠢᠭᠤᠷ ᠲᠦᠭᠦᠷᠢᠭ ᠠᠴᠠ ᠲᠡᠭᠡᠭᠰᠢ ᠪᠡᠶᠡᠯᠡᠭᠦᠯᠦᠨ᠎ᠡ᠃ ᠪᠡᠭᠡᠵᠢᠩ ᠲᠢᠶᠠᠨᠵᠢᠨ ᠤ | ᠰᠠᠯᠬᠢ ᠰᠢᠷᠥᠢ ᠶᠢᠨ ᠡᠬᠢ ᠶᠢᠨ ᠵᠠᠰᠠᠯᠳᠠ ᠪᠠ ᠤᠯᠤᠰ ᠤᠨ ᠭᠥᠷᠥᠰᠥ ᠰᠢᠷᠥᠢ ᠶᠢᠨ ᠢᠳᠡᠭᠳᠡᠯ ᠤᠨ ᠵᠠᠰᠠᠯᠳᠠ᠂ | ᠪᠠᠶᠢᠭᠠᠯᠢ ᠶᠢᠨ ᠤᠢ ᠶᠢᠨ ᠬᠠᠮᠠᠭᠠᠠᠯᠠᠯᠳᠠ ᠵᠡᠷᠭᠡ ᠭᠤᠤᠯᠳᠠᠯᠭᠠᠳᠤ ᠠᠮᠢ ᠠᠬᠤᠢ ᠶᠢᠨ ᠲᠦᠷᠦᠯ ᠵᠣᠶᠢᠯ ᠢ ᠰᠠᠶᠢᠳᠦᠷ | ᠠᠳᠬᠤᠵᠣ᠂ ᠶᠢᠨ ᠸᠧᠢ ᠹᠦ᠋ ᠷᠧᠨ᠂ ᠮᠧᠩ ᠯᠢ᠂ ᠾᠧᠩ ᠺᠧ ᠵᠡᠷᠭᠡ ᠭᠤᠣᠯᠳᠠᠯᠭᠠᠳᠦ ᠮᠠᠯ ᠲᠠᠷᠢᠶᠠᠯᠠᠩ ᠤᠨ ᠠᠵᠣ | ᠣᠶᠢᠯᠠᠰ ᠤᠨ ᠲᠦᠷᠦᠯ ᠵᠣᠶᠢᠯ ᠢ ᠪᠦᠬᠦ ᠬᠦᠴᠦᠨ ᠢᠶᠠᠷ ᠲᠡᠮᠵᠢᠨ᠎ᠡ᠃ ︽1 + 6︾ ᠬᠤᠪᠢᠰᠬᠠᠯᠳᠦ | ᠬᠦᠮᠦᠵᠢᠯ ᠪᠣᠯᠪᠠᠰᠣᠷᠠᠯ ᠤᠨ ᠰᠠᠭᠤᠷᠢᠨ ᠭᠠᠵᠠᠷ ᠤᠨ ᠲᠦᠬᠦᠷᠴᠢᠯᠡᠭᠰᠡᠨ ᠲᠦᠬᠦᠭᠡᠷᠦᠮᠵᠢ᠂ ᠪᠣᠷᠣᠪᠠᠯᠭᠠᠰᠦ ᠶᠢᠨ | ᠣᠨᠴᠠᠯᠢᠭᠳᠦ ᠪᠠᠯᠭᠠᠰᠦ ᠵᠡᠷᠭᠡ ᠲᠦᠷᠦᠯ ᠵᠣᠶᠢᠯ ᠤᠨ ᠠᠬᠢᠴᠠ ᠶᠢ ᠲᠦᠷᠭᠡᠳᠬᠡᠨ᠎ᠡ᠃ ᠠᠷᠠᠳ ᠤᠨ ᠪᠡᠯᠡ | ᠣᠷᠣᠭᠤᠯᠣᠯᠳᠠ ᠶᠢ ᠪᠦᠳᠦᠮᠵᠢᠳᠡᠢ ᠣᠷᠮᠠᠰᠢᠭᠤᠯᠣᠨ᠂ ᠠᠷᠠᠳ ᠤᠨ ᠬᠦᠷᠦᠩᠭᠡ ᠶᠢᠨ ᠬᠠᠣᠯᠢ ᠶᠣᠰᠣᠭᠠᠷ ᠨᠡᠩ ᠣᠯᠠᠨ | ᠬᠦᠷᠢᠶ᠎ᠡ ᠬᠡᠪᠴᠢᠶᠠᠨ ᠳᠤ ᠣᠷᠣᠬᠤ ᠶᠢ ᠲᠡᠮᠵᠢᠵᠣ᠂ ᠠᠷᠠᠳ ᠤᠨ ᠪᠡᠯᠡ ᠣᠷᠣᠭᠤᠯᠣᠯᠳᠠ ᠶᠢᠨ ᠵᠣᠬᠢᠰᠳᠠᠢ ᠨᠡᠮᠡᠭᠳᠡᠯ ᠢ | ᠠᠬᠢᠭᠤᠯᠣᠨ᠎ᠠ᠃ ᠭᠤᠷᠪᠠ ᠳᠤ᠂ ᠲᠦᠷᠦᠯ ᠵᠣᠶᠢᠯ ᠢᠶᠠᠷ ᠠᠷᠠᠯᠵᠢᠶᠠᠴᠢᠨ ᠣᠷᠢᠨ ᠪᠡᠯᠡ ᠲᠠᠳᠠᠬᠤ ᠵᠠᠮ ᠮᠦᠷ ᠢ | ᠦᠷᠭᠡᠳᠬᠡᠨ᠎ᠡ᠃ ᠠᠷᠠᠯᠵᠢᠶᠠᠴᠢᠨ ᠣᠷᠢᠵᠣ ᠪᠡᠯᠡ ᠲᠠᠳᠠᠬᠤ ᠡᠷᠴᠢᠮ ᠢᠶᠠᠨ ᠴᠢᠩᠭᠠᠳᠬᠠᠵᠣ᠂ ᠭᠤᠣᠯᠳᠠᠯᠭᠠᠳᠦ ᠠᠵᠣ | ᠣᠶᠢᠯᠠᠰ ᠪᠣᠯᠣᠨ ᠠᠵᠣ ᠠᠬᠤᠶᠢᠯᠠᠯ ᠤᠨ ᠲᠣᠭᠤᠷᠢᠭ ᠲᠤ ᠨᠢᠭᠡ ᠪᠦᠯᠦᠭ ᠲᠡᠰᠵᠢᠭᠰᠡᠨ᠂ ᠬᠡᠯᠬᠢᠶᠡᠵᠢᠭᠰᠡᠨ᠂ | ᠣᠷᠳᠣᠰᠬᠠᠨ ᠨᠦᠬᠦᠪᠦᠷᠢᠯᠡᠬᠦ ᠲᠦᠷᠦᠯ ᠵᠣᠶᠢᠯ ᠢ ᠢᠳᠡᠪᠬᠢᠳᠡᠢ ᠣᠷᠣᠭᠤᠯᠣᠨ᠎ᠠ᠃ ᠣᠯᠣᠰ᠂ ᠣᠷᠣᠨ᠂ ᠬᠤᠳᠠ ᠶᠢᠨ | ᠭᠤᠣᠯᠳᠠᠯᠭᠠᠳᠦ ᠣᠷᠣᠨ ᠬᠡᠪᠴᠢᠶᠡᠨ ᠳᠠᠬᠢ ᠲᠦᠰᠦᠪ ᠤᠨ ᠪᠡᠯᠡ ᠬᠢᠬᠡᠳ ᠠᠵᠣ ᠣᠶᠢᠯᠠᠰ ᠤᠨ ᠰᠠᠭᠤᠷᠢ ᠮᠦᠩᠭᠦ ᠶᠢ | ᠡᠵᠡᠮᠳᠡᠵᠣ᠂ ᠭᠤᠣᠯᠳᠠᠯᠭᠠᠳᠦ ᠲᠦᠷᠦᠯ ᠵᠣᠶᠢᠯ ᠢ ᠵᠣᠬᠢᠰᠳᠠᠢ ᠲᠣᠬᠢᠷᠠᠭᠤᠯᠣᠨ᠂ ᠲᠦᠷᠦᠯ ᠵᠣᠶᠢᠯ ᠤᠨ ᠡᠮᠦᠨ᠎ᠡ | ᠬᠤᠭᠤᠴᠠᠭᠠᠨ ᠤ ᠠᠵᠢᠯ ᠪᠣᠯᠣᠨ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠰᠠᠶᠢᠳᠦᠷ ᠬᠢᠨ᠎ᠡ᠃ PPP ᠪᠡᠯᠡ | ᠬᠤᠷᠠᠮᠳᠣᠭᠤᠯᠬᠤ ᠵᠠᠭᠪᠣᠷ ᠢ ᠲᠦᠭᠡᠮᠡᠯᠵᠢᠭᠦᠯᠵᠣ᠂ ᠠᠷᠠᠳ ᠤᠨ ᠪᠡᠯᠡ ᠮᠦᠩᠭᠦ ᠶᠢᠨ ᠠᠵᠣ ᠣᠶᠢᠯᠠᠰ᠂ ᠰᠠᠭᠤᠷᠢ | ᠲᠦᠬᠦᠭᠡᠷᠦᠮᠵᠢ᠂ ᠨᠡᠶᠢᠭᠡᠮ ᠤᠨ ᠣᠶᠢᠯᠠᠰ ᠵᠡᠷᠭᠡ ᠬᠦᠷᠢᠶ᠎ᠡ ᠬᠡᠪᠴᠢᠶᠡᠨ ᠳᠤ ᠣᠷᠣᠬᠤ ᠶᠢ ᠲᠡᠮᠵᠢᠵᠣ᠂ ᠠᠵᠣ | ᠣᠶᠢᠯᠠᠰ ᠤᠨ ᠰᠠᠭᠤᠷᠢ ᠮᠦᠩᠭᠦ ᠶᠢᠨ ᠠᠷᠠᠳ ᠤᠨ ᠬᠦᠷᠦᠩᠭᠡ ᠶᠢᠨ ᠲᠠᠶᠢᠴᠢᠯᠠᠬᠤ ᠣᠶᠢᠯᠠᠳᠣᠯ ᠢ ᠪᠠᠳᠠᠷᠠᠭᠤᠯᠣᠨ᠎ᠠ᠃ | ︵ᠭᠤᠷᠪᠠ︶ ᠬᠦᠭᠵᠢᠯᠳᠡ ᠶᠢᠨ ᠬᠡᠯᠪᠡᠷᠢ ᠶᠢᠨ ᠬᠤᠪᠢᠷᠠᠯᠳᠠ ᠶᠢ ᠲᠦᠷᠭᠡᠳᠬᠡᠵᠣ᠂ ᠠᠵᠣ ᠣᠶᠢᠯᠠᠰ ᠤᠨ | ᠲᠡᠰᠵᠢᠯ ᠢ ᠲᠡᠭᠡᠭᠰᠢᠯᠡᠭᠦᠯᠦᠨ᠎ᠡ᠃ ᠶᠡᠷᠦᠩᠬᠡᠢ ᠬᠡᠷᠡᠭᠴᠡᠭᠡ ᠶᠢ ᠲᠣᠬᠢᠷᠠᠮᠵᠢᠳᠠᠢ ᠦᠷᠭᠡᠳᠬᠡᠬᠦ ᠶᠢᠨ ᠬᠠᠮᠳᠦ ᠡᠬᠢ | ᠰᠣᠷᠪᠣᠯᠵᠢ ᠶᠢᠨ ᠲᠦᠬᠦᠷᠴᠢᠯᠡᠯᠳᠡ ᠶᠢ ᠰᠢᠯᠢᠳᠡᠭᠵᠢᠭᠦᠯᠵᠣ᠂ ᠬᠠᠩᠭᠠᠯᠭ᠎ᠠ ᠶᠢᠨ ᠪᠦᠳᠦᠮᠵᠢᠳᠦ ᠴᠢᠨᠠᠷ ᠢ | ᠲᠡᠭᠡᠭᠰᠢᠯᠡᠭᠦᠯᠦᠨ᠎ᠡ᠃ ᠨᠢᠭᠡ ᠳᠤ ᠣᠯᠠᠮᠵᠢᠯᠡᠯᠳᠦ ᠠᠵᠣ ᠣᠶᠢᠯᠠᠰ ᠢ ᠲᠡᠰ ᠲᠠᠪᠰᠢᠭᠤᠯᠣᠨ ᠰᠢᠯᠢᠳᠡᠭᠵᠢᠭᠦᠯᠦᠨ᠎ᠡ︔ | ᠬᠦᠳᠡᠭᠡ ᠨᠣᠳᠤᠭ ᠢ ᠬᠦᠴᠦᠷᠭᠡᠭᠵᠢᠭᠦᠯᠬᠦ ᠪᠠᠶᠢᠯᠳᠣᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ︽ | ᠲᠡᠰ ᠴᠢᠨᠠᠷᠳᠦ ᠮᠡᠯ ᠲᠠᠷᠢᠶᠠᠯᠠᠩ᠂ ᠬᠡᠪ ᠴᠢᠨᠰᠠᠭᠠᠳᠦ ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠳᠠᠢ | ᠮᠠᠯᠴᠢᠨ ᠲᠠᠷᠢᠶᠠᠴᠢᠨ︾ ᠤ ᠴᠣᠭᠴᠠᠯᠠᠯᠳᠠ ᠶᠢ ᠭᠦᠨᠵᠡᠭᠡᠢ ᠦᠷᠭᠡᠳᠬᠡᠵᠣ᠂ ᠮᠠᠯ ᠲᠠᠷᠢᠶᠠᠯᠠᠩ ᠤᠨ ᠲᠠᠷᠢᠵᠣ ᠲᠡᠵᠢᠭᠡᠬᠦ | ᠪᠦᠳᠦᠴᠠ ᠶᠢ ᠰᠢᠯᠢᠳᠡᠭᠵᠢᠭᠦᠯᠦᠨ᠂ ᠲᠣᠰ ᠵᠢᠯ ᠳᠤ 1.5 ᠲᠦᠮᠡᠨ ᠮᠣ᠋ ᠣᠨᠴᠠᠯᠢᠭᠳᠦ ᠠᠵᠣ ᠠᠬᠤᠢ ᠶᠢᠨ ᠲᠠᠷᠢᠮᠠᠯ᠂ | 2 ᠲᠦᠮᠡᠨ ᠮᠣ᠋ ᠴᠢᠨᠠᠷ ᠰᠠᠶᠢᠳᠠᠢ ᠲᠡᠵᠢᠭᠡᠯ ᠪᠣᠷᠳᠣᠭᠠᠨ ᠤ ᠲᠠᠷᠢᠮᠠᠯ ᠢ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠨ | ᠬᠢᠭᠡᠳ ᠠᠵᠣ ᠠᠬᠤᠶᠢᠯᠠᠯ ᠤᠨ ᠠᠰᠢᠭ ᠲᠣᠰᠠ ᠶᠢᠨ ᠬᠤᠯᠪᠣᠭᠠᠯᠠᠯ ᠢ ᠭᠦᠨᠵᠡᠭᠡᠶᠢᠷᠡᠭᠦᠯᠵᠣ᠂ ᠨᠠᠷᠢᠯᠢᠭ ᠡᠳ᠋ᠰᠢᠭᠦᠯᠦᠯᠳᠡ | ᠶᠢ ᠬᠦᠭᠵᠢᠭᠦᠯᠦᠨ᠂ ᠨᠡᠷᠡᠳᠦ ᠲᠡᠮᠳᠡᠭ ᠢ ᠪᠣᠶᠢᠵᠢᠭᠤᠯᠵᠣ᠂ ᠶᠠᠰᠣ ᠴᠢᠨᠠᠷ ᠢ ᠲᠡᠭᠡᠭᠰᠢᠯᠡᠭᠦᠯᠦᠨ᠂ ︽ᠬᠡᠪᠴᠢᠶᠡᠵᠢᠯᠳᠠ᠂ | ᠠᠵᠣ ᠣᠶᠢᠯᠠᠰᠵᠢᠯᠳᠡ᠂ ᠵᠣᠬᠢᠶᠠᠨ ᠪᠠᠶᠢᠭᠤᠯᠣᠯᠳᠠ᠂ ᠨᠡᠷᠡᠳᠦ ᠲᠡᠮᠳᠡᠭᠵᠢᠯᠡᠯᠳᠡ᠂ ᠵᠠᠬ᠎ᠠ ᠲᠡᠯᠭᠡᠭᠦᠷᠵᠢᠯᠡᠯᠳᠡ᠂ | ᠪᠠᠷᠢᠮᠵᠢᠶᠠᠴᠢᠯᠠᠯᠳᠠ︾ ᠪᠠᠷ ᠣᠨᠴᠠᠯᠢᠭ ᠪᠣᠯᠭᠠᠭᠰᠠᠨ ᠣᠳᠦ ᠦᠶ᠎ᠡ ᠶᠢᠨ ᠮᠠᠯ ᠲᠠᠷᠢᠶᠠᠯᠠᠩ ᠤᠨ ᠵᠠᠭᠪᠣᠷ ᠢ | ᠪᠦᠷᠢᠯᠳᠦᠭᠦᠯᠦᠨ᠎ᠡ᠃ ᠣᠯᠠᠨ ᠡᠰᠢᠳᠦ ᠬᠦᠭᠵᠢᠯᠳᠡ ᠶᠢ ᠪᠠᠷᠢᠮᠳᠠᠯᠠᠨ᠂ ᠠᠵᠣ ᠣᠶᠢᠯᠠᠳᠪᠦᠷᠢ ᠶᠢᠨ ᠲᠣᠮᠣ ᠲᠦᠷᠦᠯ | ᠵᠣᠶᠢᠯ ᠤᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠳᠬᠤᠵᠣ᠂ ᠨᠡᠭᠦᠷᠡᠰᠦ᠂ ᠨᠡᠭᠦᠷᠡᠰᠣᠨ ᠴᠠᠬᠢᠯᠭᠠᠨ᠂ | ᠨᠡᠭᠦᠷᠡᠰᠣᠨ ᠬᠢᠮᠢ᠂ ᠴᠢᠯᠭᠠᠣᠨ ᠲᠣᠰᠣ ᠰᠢᠳᠠᠮᠠᠬᠠᠢ ᠬᠡᠢ ᠵᠡᠷᠭᠡ ᠠᠵᠣ ᠣᠶᠢᠯᠠᠰ ᠤᠨ ᠬᠦᠭᠵᠢᠯᠳᠡ ᠶᠢ ᠦᠷᠭᠦᠯᠵᠢᠯᠡᠨ | ᠠᠬᠢᠭᠤᠯᠵᠣ᠂ ᠣᠯᠠᠨ ᠲᠣᠶᠢᠯᠳᠦ ᠲᠣᠯᠭᠠᠭᠤᠷᠢᠯᠠᠯ᠂ ᠣᠯᠠᠨ ᠡᠰᠢᠳᠦ ᠬᠦᠭᠵᠢᠯᠳᠡ ᠲᠠᠢ ᠰᠢᠨ᠎ᠡ ᠬᠡᠯᠪᠡᠷᠢ ᠶᠢᠨ ᠠᠵᠣ | ᠣᠶᠢᠯᠠᠳᠪᠦᠷᠢ ᠶᠢᠨ ᠬᠦᠭᠵᠢᠯᠳᠡ ᠶᠢᠨ ᠪᠠᠶᠢᠳᠠᠯ ᠢ ᠪᠣᠢ ᠪᠣᠯᠭᠠᠨ᠎ᠠ᠃ ᠬᠤᠶᠠᠷ ᠲᠤ᠂ ᠪᠠᠶᠢᠯᠳᠣᠬᠤ ᠪᠣᠳᠣᠯᠭ᠎ᠠ ᠶᠢᠨ | ᠴᠢᠨᠠᠷᠳᠠᠢ ᠰᠢᠨ᠎ᠡ ᠠᠵᠣ ᠣᠶᠢᠯᠠᠰ ᠢ ᠪᠣᠶᠢᠵᠢᠭᠤᠯᠣᠨ ᠪᠣᠵᠠᠭᠠᠶᠢᠷᠠᠭᠤᠯᠣᠨ᠎ᠠ᠃ ᠰᠢᠨ᠎ᠡ ᠡᠨᠧᠷᠬᠢ᠂ ᠡᠭᠦᠯᠡᠨ ᠪᠣᠳᠣᠯᠳᠠ | ᠂ ᠡᠨᠧᠷᠬᠢ ᠠᠷᠪᠢᠯᠠᠨ ᠣᠷᠴᠢᠨ ᠬᠠᠮᠠᠭᠠᠯᠠᠬᠤ᠂ ᠮᠣᠩᠭᠤᠯ ᠬᠢᠳᠡᠳ ᠡᠮ ᠡᠮᠨᠡᠯᠭᠡ ᠵᠡᠷᠭᠡ ᠪᠠᠶᠢᠯᠳᠣᠬᠤ ᠪᠣᠳᠣᠯᠭ᠎ᠠ ᠶᠢᠨ | ᠴᠢᠨᠠᠷᠳᠢ ᠰᠢᠨ᠎ᠡ ᠠᠵᠣ ᠣᠶᠢᠯᠠᠰ ᠢ ᠪᠣᠵᠠᠭᠠᠶᠢᠷᠠᠭᠤᠯᠵᠣ᠂ ᠱᠠᠩᠬᠠᠢ ᠶᠢᠨ ᠰᠦᠮ᠎ᠡ ᠠᠴᠠ ᠱᠠᠨᠳᠦ᠋ᠩ ᠬᠦᠷᠬᠦ ᠴᠠᠬᠢᠯᠭᠠᠨ | ᠲᠠᠮᠵᠢᠭᠤᠯᠬᠤ ᠱᠣᠭᠤᠮ ᠲᠠᠢ ᠲᠦᠬᠦᠷᠴᠢᠯᠡᠭᠰᠡᠨ ᠰᠢᠨ᠎ᠡ ᠡᠨᠧᠷᠬᠢ ᠶᠢᠨ ᠰᠠᠭᠤᠷᠢᠨ ᠢ ᠮᠠᠨ ᠤ ᠬᠤᠰᠢᠭᠤᠨ ᠳᠤ | ᠪᠠᠶᠢᠭᠤᠯᠵᠣ᠂ ᠵᠠᠨᠠᠷ ᠤᠨ ᠬᠡᠢ᠂ ᠨᠡᠭᠦᠷᠡᠰᠣᠨ ᠲᠠᠪᠬᠤᠷᠭ᠎ᠠ ᠶᠢᠨ ᠬᠡᠢ ᠵᠡᠷᠭᠡ ᠶᠢᠨ ᠬᠠᠶᠢᠯᠳᠠ ᠨᠡᠭᠡᠭᠡᠯᠳᠡ ᠶᠢᠨ | ᠲᠠᠭᠤᠷᠢᠶᠠᠯ ᠲᠣᠷᠰᠢᠯᠳᠡ ᠶᠢ ᠲᠦᠷᠭᠡᠳᠬᠡᠨ᠎ᠡ᠃ ᠮᠣᠩᠭᠤᠯ ᠬᠢᠳᠡᠳ ᠡᠮᠨᠡᠯᠭᠡ ᠶᠢᠨ ᠰᠠᠭᠤᠷᠢ ᠲᠦᠬᠦᠭᠡᠷᠦᠮᠵᠢ ᠶᠢᠨ | ᠪᠠᠶᠢᠭᠤᠯᠣᠯᠳᠠ ᠶᠢ ᠲᠦᠷᠭᠡᠳᠬᠡᠵᠣ᠂ ᠠᠵᠠᠳᠠᠢ ᠡᠮᠨᠡᠬᠦ ᠰᠣᠪᠢᠯᠠᠬᠤ ᠶᠢ ᠣᠶᠠᠯᠳᠣᠭᠤᠯᠣᠭᠰᠠᠨ ᠲᠠᠭᠤᠷᠢᠶᠠᠯ ᠰᠠᠭᠤᠷᠢᠨ | ᠤ ᠨᠦᠯᠦᠭᠡᠯᠡᠬᠦ ᠬᠦᠴᠦᠨ ᠢ ᠨᠡᠮᠡᠭᠳᠡᠭᠦᠯᠦᠨ᠎ᠡ᠃ ᠢᠨᠲ᠋ᠧᠷ ᠰᠦᠯᠵᠢᠶ᠎ᠡ᠂ ᠳ᠋ᠠᠶᠢᠲᠨ ᠪᠣᠯᠣᠨ ᠪᠣᠳᠠᠳᠦ ᠴᠣᠭᠴᠠ ᠶᠢᠨ | ᠠᠵᠣ ᠠᠬᠤᠢ ᠶᠢᠨ ᠠᠭᠤᠰᠣᠯᠴᠠᠩᠭᠤᠢ ᠬᠦᠭᠵᠢᠯᠳᠡ ᠶᠢ ᠠᠬᠢᠭᠤᠯᠣᠨ᠎ᠠ᠃ ᠭᠤᠷᠪᠡ ᠳᠤ᠂ ᠣᠳᠦ ᠦᠶ᠎ᠡ ᠶᠢᠨ | ᠣᠶᠢᠯᠡᠴᠢᠯᠡᠭᠡᠨ ᠤ ᠣᠶᠢᠯᠠᠰ ᠤᠨ ᠬᠦᠭᠵᠢᠯᠳᠡ ᠶᠢ ᠲᠦᠷᠭᠡᠳᠬᠡᠨ᠎ᠡ᠃ ︽ᠣᠳᠤᠭ ᠤᠨ ᠡᠮᠦᠨᠡᠳᠦ ᠬᠤᠰᠢᠭᠤᠨ ᠤ | ᠣᠶᠢᠯᠡᠴᠢᠯᠡᠭᠡᠨ ᠤ ᠣᠶᠢᠯᠠᠰ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠭᠦᠯᠭᠡ ︵2017 — 2020 ᠣᠨ︶ | ︾ ᠶᠢ ᠬᠡᠷᠡᠭᠵᠢᠭᠦᠯᠵᠣ᠂ ︽ᠨᠢᠭᠡ ᠲᠦᠪ᠂ ᠬᠤᠶᠠᠷ ᠲᠡᠩᠭᠡᠯᠢᠭ᠂ ᠭᠤᠷᠪᠠᠨ ᠲᠣᠭᠤᠷᠢᠭ︾ ᠤᠨ ︽Y︾ | ᠬᠡᠯᠪᠡᠷᠢᠳᠦ ᠣᠷᠣᠨ ᠵᠠᠢ ᠪᠣᠯᠣᠨ ︽2 + 2 + 4︾ ᠣᠳᠦ ᠦᠶ᠎ᠡ ᠶᠢᠨ ᠣᠶᠢᠯᠡᠴᠢᠯᠡᠭᠡᠨ ᠤ ᠰᠢᠰᠲ᠋ᠧᠮ ︵ | ᠣᠯᠵᠠᠴᠢ ᠪᠠᠷ ᠲᠦᠪ ᠪᠣᠯᠭᠠᠨ᠂ ᠱᠠᠩᠬᠠᠢ ᠶᠢᠨ ᠰᠦᠮ᠎ᠡ — ᠣᠯᠵᠠᠴᠢ — ᠪᠣᠷᠣᠪᠠᠯᠭᠠᠰᠦ ᠶᠢᠨ ᠵᠢᠭᠤᠯᠴᠢᠯᠠᠯ | ᠤᠨ ᠶᠡᠷᠦᠩᠬᠡᠶᠢᠯᠡᠭᠰᠡᠨ ᠣᠶᠢᠯᠡᠴᠢᠯᠡᠭᠡᠨ ᠤ ᠲᠡᠩᠭᠡᠯᠢᠭ ᠪᠣᠯᠣᠨ ᠱᠠᠩᠬᠠᠢ ᠶᠢᠨ ᠰᠦᠮ᠎ᠡ — ᠣᠯᠵᠠᠴᠢ — ᠨᠠᠩᠰᠦ | ᠶᠢᠨ ᠠᠷᠠᠯᠵᠢᠶ᠎ᠠ ᠬᠤᠳᠠᠯᠳᠣᠭᠠᠨ ᠤ ᠶᠡᠷᠦᠩᠬᠡᠶᠢᠯᠡᠭᠰᠡᠨ ᠣᠶᠢᠯᠡᠴᠢᠯᠡᠭᠡᠨ ᠤ ᠲᠡᠩᠭᠡᠯᠢᠭ ᠢ ᠪᠦᠷᠢᠯᠳᠦᠭᠦᠯᠵᠣ᠂ ᠱᠠᠩᠬᠠᠢ | ᠶᠢᠨ ᠰᠦᠮ᠎ᠡ ᠶᠢᠨ ᠤᠶᠢᠯᠡᠤᠨᠪᠤᠷᠢᠯᠡᠯ ᠤᠨ ᠴᠢᠨᠠᠷᠳᠠᠢ ᠣᠶᠢᠯᠡᠴᠢᠯᠭᠡᠨ ᠤ ᠣᠶᠢᠯᠠᠰ ᠤᠨ ᠲᠣᠭᠤᠷᠢᠭ᠂ ᠪᠣᠷᠣᠪᠠᠯᠭᠠᠰᠦ | ᠶᠢᠨ ᠵᠢᠭᠤᠯᠴᠢᠯᠠᠯ ᠤᠨ ᠣᠶᠢᠯᠡᠴᠢᠯᠡᠭᠡᠨ ᠤ ᠲᠣᠭᠤᠷᠢᠭ᠂ ᠨᠠᠩᠰᠦ ᠶᠢᠨ ᠮᠠᠯ ᠲᠠᠷᠢᠶᠠᠯᠠᠩ ᠤᠨ ᠠᠷᠠᠯᠵᠢᠶᠠᠨ ᠤ | ᠣᠶᠢᠯᠡᠴᠢᠯᠡᠭᠡᠨ ᠤ ᠲᠣᠭᠤᠷᠢᠭ ᠢ ᠪᠠᠶᠢᠭᠤᠯᠵᠣ᠂ ᠰᠣᠶᠣᠯ ᠵᠢᠭᠤᠯᠴᠢᠯᠠᠯ᠂ ᠠᠷᠠᠯᠵᠢᠶᠠᠨ ᠤ ᠣᠶᠢᠯᠡᠴᠢᠯᠡᠭᠡ ᠪᠠᠷ | ᠲᠣᠯᠭᠠᠭᠤᠷᠢᠯᠠᠬᠤ ᠠᠵᠣ ᠣᠶᠢᠯᠠᠰ ᠪᠣᠯᠭᠠᠨ᠂ ᠣᠳᠦ ᠦᠶ᠎ᠡ ᠶᠢᠨ ᠪᠣᠳᠠᠰ ᠤᠨ ᠭᠦᠢᠯᠭᠡᠭᠡ᠂ ᠰᠦᠯᠵᠢᠶᠠᠨ | ᠬᠤᠳᠠᠯᠳᠤᠭ᠎ᠠ ᠪᠠᠷ ᠲᠦᠬᠦᠷᠴᠢᠯᠡᠭᠰᠡᠨ ᠠᠵᠣ ᠣᠶᠢᠯᠠᠰ ᠪᠣᠯᠭᠠᠵᠣ᠂ ᠨᠠᠰᠣᠵᠢᠯ ᠡᠷᠡᠭᠦᠯᠵᠢᠯ᠂ ᠨᠡᠶᠢᠳᠡᠮ ᠬᠡᠷᠡᠭᠯᠡᠭᠡᠨ ᠤ | ᠠᠭᠠᠷ ᠠᠶᠠᠯᠠᠯ᠂ ᠮᠦᠩᠭᠦᠨ ᠭᠦᠢᠯᠭᠡᠭᠡᠨ ᠤ ᠣᠶᠢᠯᠠᠴᠢᠯᠡᠭᠡ᠂ ᠮᠡᠳᠡᠭᠡ ᠵᠠᠩᠬᠢ ᠶᠢᠨ ᠣᠶᠢᠯᠡᠴᠢᠯᠡᠭᠡ ᠪᠠᠷ ᠬᠤᠰᠢᠭᠤᠴᠢ | ᠠᠵᠣ ᠣᠶᠢᠯᠠᠰ ᠪᠣᠯᠭᠠᠭᠰᠠᠨ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠤᠨ ᠰᠢᠰᠲ᠋ᠧᠮ ᠢ ᠪᠦᠷᠢᠯᠳᠦᠭᠦᠯᠦᠨ᠎ᠡ︶ | ᠢ ᠪᠦᠷᠢᠯᠳᠦᠭᠦᠯᠦᠨ᠎ᠡ᠃ ︽1 + 6︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠳᠤ ᠲᠦᠰᠢᠭᠯᠡᠨ | ᠲᠠᠯ᠎ᠠ ᠨᠣᠳᠤᠭ ᠤᠨ ᠰᠣᠶᠣᠯ ᠪᠣᠯᠣᠨ ᠬᠤᠪᠢᠰᠬᠠᠯᠳᠦ ᠰᠣᠶᠣᠯ ᠢ ᠠᠭᠤᠰᠣᠯᠴᠠᠭᠤᠯᠵᠣ᠂ ᠪᠦᠬᠦ ᠴᠠᠷᠠᠭᠠᠨ ᠤ | ᠵᠢᠭᠤᠯᠴᠢᠯᠠᠯ ᠢ ᠶᠡᠭᠡ ᠪᠠᠷ ᠬᠦᠭᠵᠢᠭᠦᠯᠦᠨ᠎ᠡ᠃ ᠬᠡᠷᠡᠭᠯᠡᠭᠡᠨ ᠤ ᠲᠡᠰᠵᠢᠯ ᠳᠤ ᠵᠣᠬᠢᠴᠠᠭᠤᠯᠣᠨ ᠰᠡᠯᠡᠭᠦᠴᠡᠯ ᠵᠣᠭᠠᠴᠠᠯ᠂ | ᠡᠷᠡᠭᠦᠯᠵᠢᠯ ᠨᠠᠰᠣᠵᠢᠯ᠂ ᠰᠣᠶᠣᠯ ᠲᠠᠮᠢᠷ᠂ ᠰᠦᠯᠵᠢᠶᠡᠨ ᠬᠤᠳᠠᠯᠳᠤᠭ᠎ᠠ ᠵᠡᠷᠭᠡ ᠣᠳᠣ ᠦᠶ᠎ᠡ ᠶᠢᠨ ᠣᠶᠢᠯᠡᠴᠢᠯᠡᠭᠡᠨ ᠤ | ᠣᠶᠢᠯᠠᠰ ᠢ ᠬᠦᠭᠵᠢᠭᠦᠯᠵᠣ᠂ ᠰᠢᠨ᠎ᠡ ᠬᠠᠩᠭᠠᠯᠭ᠎ᠠ ᠡᠭᠦᠳᠦᠨ ᠰᠢᠨ᠎ᠡ ᠬᠡᠷᠡᠭᠴᠡᠭᠡ ᠨᠡᠭᠡᠭᠡᠵᠣ᠂ ᠣᠶᠢᠯᠡᠴᠢᠯᠡᠭᠡᠨ ᠤ | ᠣᠶᠢᠯᠠᠰ ᠤᠨ ᠬᠦᠭᠵᠢᠯᠳᠡ ᠶᠢᠨ ᠲᠦᠪᠰᠢᠨ ᠢ ᠲᠡᠭᠡᠭᠰᠢᠯᠡᠭᠦᠯᠦᠨ᠎ᠡ᠃ | ︵ᠲᠦᠷᠪᠡ︶ ᠦᠭᠡᠷᠡᠴᠢᠯᠡᠯᠳᠡ ᠰᠢᠨᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠣ᠂ ᠠᠵᠣ ᠠᠬᠤᠢ | ᠶᠢᠨ ᠬᠦᠭᠵᠢᠯᠳᠡ ᠶᠢᠨ ᠲᠣᠳᠣᠭᠠᠳᠦ ᠬᠦᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠰᠢᠰᠲ᠋ᠧᠮᠳᠦ ᠰᠡᠳᠬᠢᠭᠦᠢ ᠪᠠᠷ | ᠦᠭᠡᠷᠡᠴᠢᠯᠡᠯᠳᠡ ᠶᠢ ᠰᠦᠪᠡᠭᠴᠢᠯᠡᠨ ᠲᠣᠭᠳᠠᠴᠠ ᠶᠢᠨ ᠬᠠᠷᠰᠢ ᠰᠠᠭᠠᠳ ᠢ ᠡᠪᠳᠡᠵᠣ᠂ ᠦᠭᠡᠷᠡᠴᠢᠯᠡᠯᠳᠡ | ᠰᠢᠨᠡᠴᠢᠯᠡᠯᠳᠡ ᠪᠠᠷ ᠨᠡᠭᠡᠭᠡᠯᠳᠡᠳᠦ ᠬᠦᠭᠵᠢᠯᠳᠡ ᠶᠢ ᠠᠬᠢᠭᠤᠯᠣᠨ᠎ᠠ᠃ ᠨᠢᠭᠡ ᠳᠤ᠂ ᠦᠭᠡᠷᠡᠴᠢᠯᠡᠯᠳᠡ ᠶᠢᠨ ᠪᠣᠳᠠᠳᠦ | ᠦᠷ᠎ᠡ ᠠᠰᠢᠭ ᠢ ᠨᠡᠮᠡᠭᠳᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ ᠶᠢ | ᠭᠦᠨᠵᠡᠭᠡᠶᠢᠷᠡᠭᠦᠯᠵᠣ᠂ ︽ᠭᠤᠷᠪᠠ ᠶᠢ ᠪᠠᠭᠠᠰᠬᠠᠵᠣ ᠨᠢᠭᠡ ᠶᠢ ᠪᠠᠭᠤᠷᠠᠭᠤᠯᠣᠨ ᠨᠢᠭᠡ ᠶᠢ ᠨᠦᠬᠦᠪᠦᠷᠢᠯᠡᠬᠦ︾ ᠡᠭᠦᠷᠭᠡ | ᠶᠢᠨ ᠨᠠᠶᠢᠳᠠᠪᠦᠷᠢᠵᠢᠭᠤᠯᠣᠯᠳᠠ ᠶᠢᠨ ᠠᠵᠢᠯ ᠢ ᠰᠠᠶᠢᠳᠦᠷ ᠠᠳᠬᠤᠨ᠎ᠠ᠃ ︽ᠪᠠᠭᠤᠯᠭᠠᠬᠤ᠂ ᠬᠠᠮᠢᠶᠠᠷᠬᠤ᠂ | ᠣᠶᠢᠯᠡᠴᠢᠯᠡᠬᠦ︾ ᠦᠭᠡᠷᠡᠴᠢᠯᠡᠯᠳᠡ ᠶᠢ ᠪᠡᠶᠡᠯᠡᠭᠦᠯᠵᠣ᠂ ︽ᠲᠦᠷᠪᠠᠨ ᠣᠷᠣᠨ ᠲᠦᠷᠪᠡᠨ ᠭᠦᠢᠴᠡᠳᠬᠡᠯ ᠤᠨ | ᠣᠶᠣᠨᠴᠢ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ ᠵᠠᠭᠪᠣᠷ ᠢ ᠶᠡᠭᠡ ᠪᠠᠷ ᠲᠦᠭᠡᠮᠡᠯᠵᠢᠭᠦᠯᠵᠣ᠂ ᠣᠯᠣᠰ ᠤᠨ | ᠲᠡᠰ ᠤᠨ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ ᠪᠠᠷᠢᠮᠵᠢᠶᠠᠴᠢᠭᠰᠠᠨ ᠲᠣᠷᠰᠢᠯᠳᠠ ᠶᠢᠨ ᠴᠡᠭ ᠢ ᠪᠠᠶᠢᠭᠤᠯᠬᠤ | ᠪᠠᠷ ᠴᠢᠷᠮᠠᠶᠢᠨ᠎ᠡ︔ ᠪᠡᠯᠡ ᠣᠷᠣᠭᠤᠯᠣᠯᠳᠠ ᠶᠢᠨ ᠲᠦᠷᠦᠯ ᠵᠣᠶᠢᠯ ᠢ ᠰᠦᠯᠵᠢᠶᠠᠨ ᠲᠡᠭᠡᠷ᠎ᠡ ︽ᠬᠠᠮᠳᠣᠳᠬᠠᠨ ᠬᠢᠨᠠᠨ | ᠵᠦᠪᠰᠢᠶᠡᠷᠡᠬᠦ︾ ᠶᠢ ᠠᠬᠢᠭᠤᠯᠣᠨ᠎ᠠ᠃ ᠲᠠᠷᠢᠶᠠᠯᠠᠩ ᠤᠨ ᠠᠵᠣ ᠣᠶᠢᠯᠠᠰᠵᠢᠭᠰᠠᠨ ᠬᠠᠮᠳᠣᠷᠠᠯ ᠴᠣᠭᠴᠠ᠂ ᠲᠠᠷᠢᠶᠠᠯᠠᠩ | ᠤᠨ ᠶᠡᠷᠦᠩᠬᠡᠶᠢᠯᠡᠭᠰᠡᠨ ᠴᠣᠭᠴᠠ᠂ ᠠᠵᠣ ᠠᠬᠤᠶᠢᠯᠠᠯ ᠬᠢᠭᠡᠳ ᠶᠠᠳᠠᠭᠤ ᠬᠦᠴᠢᠷᠳᠡᠯᠳᠡᠢ ᠡᠷᠦᠭᠡ ᠶᠢᠨ ᠠᠰᠢᠭ ᠲᠣᠰᠠ | ᠶᠢᠨ ᠬᠤᠯᠪᠣᠭᠠᠯᠠᠯ ᠤᠨ ᠬᠠᠮᠳᠦ ᠶᠢᠨ ᠴᠣᠭᠴᠠ ᠶᠢ ᠪᠦᠷᠢᠯᠳᠦᠭᠦᠯᠦᠨ᠎ᠡ᠃ ᠠᠮᠢ ᠠᠬᠤᠢ ᠶᠢᠨ ᠪᠣᠯᠪᠠᠰᠣᠨ ᠤ ᠲᠦᠷᠢᠮ | ᠤᠨ ᠪᠠᠶᠢᠭᠤᠯᠣᠯᠳᠠ ᠶᠢ ᠲᠦᠷᠭᠡᠳᠬᠡᠵᠣ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠲᠠᠪᠣᠨ ᠵᠢᠯ ᠤᠨ | ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠣ᠂ ᠪᠠᠶᠢᠭᠠᠯᠢ ᠶᠢᠨ ᠰᠣᠷᠪᠣᠯᠵᠢ ᠬᠦᠷᠦᠩᠭᠡ ᠶᠢᠨ ᠲᠣᠰᠢᠶᠠᠯ ᠠᠴᠠ | ᠰᠠᠯᠬᠤ ᠬᠠᠷᠢᠭᠤᠴᠠᠯᠭ᠎ᠠ ᠶᠢᠨ ᠬᠢᠨᠠᠨ ᠪᠣᠳᠣᠯᠳᠠ ᠶᠢ ᠪᠦᠬᠦ ᠲᠠᠯ᠎ᠠ ᠬᠡᠷᠡᠭᠵᠢᠭᠦᠯᠦᠨ᠎ᠡ᠃ ᠰᠣᠶᠣᠯ᠂ ᠡᠷᠡᠬᠦᠯ | ᠬᠠᠮᠠᠭᠠᠯᠠᠯ᠂ ᠨᠡᠶᠢᠭᠡᠮ ᠤᠨ ᠣᠶᠢᠯᠠᠰ᠂ ᠣᠶᠣᠨᠴᠢ ᠬᠤᠳᠠ ᠪᠠᠯᠭᠠᠰᠣᠨ ᠤ ᠪᠠᠶᠢᠭᠤᠯᠣᠯᠳᠠ ᠵᠡᠷᠭᠡ ᠬᠡᠪᠴᠢᠶᠡᠨ ᠳᠠᠬᠢ | ᠦᠭᠡᠷᠡᠴᠢᠯᠡᠯᠳᠡ ᠶᠢ ᠲᠦᠷᠭᠡᠳᠬᠡᠵᠣ᠂ ᠨᠡᠶᠢᠳᠡ ᠶᠢᠨ ᠣᠶᠢᠯᠡᠴᠢᠯᠡᠭᠡᠨ ᠤ ᠲᠡᠩᠴᠡᠭᠦᠷᠢᠰᠢᠯ ᠨᠠᠷᠢᠯᠢᠭᠵᠢᠯ ᠢ | ᠠᠬᠢᠭᠤᠯᠣᠨ᠎ᠠ᠃ ᠬᠤᠶᠠᠷ ᠲᠤ᠂ ᠰᠢᠨᠡᠴᠢᠯᠡᠯᠳᠡ ᠶᠢᠨ ᠬᠦᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠲᠡᠭᠡᠳᠦ ᠰᠢᠨ᠎ᠡ | ᠮᠡᠷᠭᠡᠵᠢᠯ ᠤᠨ ᠠᠵᠣ ᠠᠬᠤᠶᠢᠯᠠᠯ ᠤᠨ ᠪᠣᠯᠪᠠᠰᠣᠷᠠᠯ ᠤᠨ ᠲᠦᠯᠦᠪᠯᠡᠭᠡ ᠶᠢ ᠬᠡᠷᠡᠭᠵᠢᠭᠦᠯᠵᠣ᠂ ᠲᠣᠰ ᠵᠢᠯ ᠳᠤ 1 | ᠲᠡᠭᠡᠳᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠢ ᠪᠣᠶᠢᠵᠢᠭᠤᠯᠵᠣ᠂ ᠲᠠᠯᠳᠠ ᠬᠦᠴᠦᠨ ᠪᠦᠬᠦᠢ ᠶᠢᠨ ᠰᠢᠨᠵᠢᠯᠡᠭᠡ | ᠮᠡᠷᠭᠡᠵᠢᠯ ᠤᠨ ᠬᠡᠯᠪᠡᠷᠢᠳᠦ ᠲᠣᠮᠳᠠ ᠪᠠᠭ᠎ᠠ ᠠᠵᠣ ᠠᠬᠤᠶᠢᠯᠠᠯ ᠤᠨ ᠬᠦᠭᠵᠢᠯᠳᠡ ᠶᠢ ᠪᠣᠵᠠᠭᠠᠶᠢᠷᠠᠭᠤᠯᠣᠨ᠎ᠠ᠃ ︽ | ᠴᠠᠬᠢᠷᠮ᠎ᠠ ᠴᠢᠳᠠᠪᠦᠷᠢᠳᠡᠨ︾ ᠤ ᠨᠡᠷᠡᠳᠦ ᠲᠡᠮᠳᠡᠭ ᠤᠨ ᠪᠠᠶᠢᠯᠳᠣᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠂ | ᠴᠢᠳᠠᠪᠦᠷᠢᠳᠠᠨ ᠤ ᠬᠦᠭᠵᠢᠯᠳᠡ ᠪᠣᠯᠣᠨ ᠰᠢᠨᠵᠢᠯᠡᠭᠡ ᠮᠡᠷᠭᠡᠵᠢᠯ ᠰᠢᠨᠡᠴᠢᠯᠠᠯ ᠤᠨ ᠲᠦᠷᠦ ᠶᠢᠨ ᠪᠣᠳᠣᠯᠭ᠎ᠠ ᠶᠢᠨ ᠠᠷᠭ᠎ᠠ | ᠠᠪᠴᠠᠯ ᠢ ᠬᠢᠨᠠᠮᠠᠭᠠᠢ ᠨᠠᠶᠢᠳᠠᠪᠦᠷᠢᠵᠢᠭᠤᠯᠵᠣ᠂ ᠴᠢᠳᠠᠪᠦᠷᠢᠳᠠᠨ ᠲᠣᠳᠠᠮᠠᠭ ᠪᠠ ᠰᠢᠨ᠎ᠡ ᠶᠢ ᠡᠭᠦᠳᠦᠨ ᠣᠶᠢᠯᠠᠰ | ᠪᠣᠰᠬᠠᠬᠤ ᠡᠩᠨᠨᠡᠭᠡ ᠶᠢ ᠣᠷᠣᠭᠤᠯᠣᠨ ᠪᠣᠶᠢᠵᠢᠭᠤᠯᠣᠨ᠎ᠠ᠃ ᠰᠢᠨᠵᠢᠯᠡᠭᠡ ᠮᠡᠷᠭᠡᠵᠢᠯ ᠤᠨ ᠰᠢᠨᠡᠴᠢᠯᠠᠯ ᠤᠨ ᠲᠦᠪᠰᠢᠨ ᠢ | ᠲᠡᠭᠡᠭᠰᠢᠯᠡᠭᠦᠯᠣᠨ᠂ ᠰᠢᠨ᠎ᠡ ᠶᠢ ᠡᠭᠦᠳᠦᠨ ᠣᠶᠢᠯᠠᠰ ᠪᠦᠳᠦᠭᠡᠭᠦ ᠪᠣᠶᠢᠵᠢᠭᠤᠯᠣᠯᠳᠠ ᠶᠢᠨ ᠪᠠᠶᠢᠭᠤᠯᠣᠮᠵᠢ ᠶᠢ | ᠢᠳᠡᠪᠬᠢᠳᠡᠢ ᠲᠡᠮᠵᠢᠨ᠂ ᠬᠤᠰᠢᠭᠤᠨ ᠤ ᠠᠩᠬᠠᠳᠣᠭᠠᠷ ᠣᠳᠠᠭᠠᠨ ᠤ ᠰᠢᠨᠵᠢᠯᠡᠭᠡ ᠮᠡᠷᠭᠡᠵᠢᠯ ᠤᠨ ᠰᠢᠨᠡᠴᠢᠯᠠᠯ ᠤᠨ | ᠣᠷᠣᠯᠳᠣᠭᠠᠨ ᠢ ᠵᠣᠬᠢᠶᠠᠨ ᠪᠠᠶᠢᠭᠤᠯᠵᠣ᠂ ᠲᠠᠶᠠᠭᠠᠡᠷ ᠢᠶᠠᠨ ᠣᠶᠢᠯᠠᠰ ᠪᠣᠰᠬᠠᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠣᠷᠴᠢᠨ ᠢ ᠪᠣᠢ ᠪᠣᠯᠭᠠᠨ᠎ᠠ᠃ ᠭᠤᠷᠪᠠ ᠳᠤ᠂ ᠴᠢᠯᠦᠭᠡᠳᠡᠢ ᠨᠡᠭᠡᠭᠡᠯᠳᠡ ᠶᠢᠨ ᠲᠦᠪᠰᠢᠨ ᠢ ᠦᠷᠭᠡᠳᠬᠡᠨ᠎ᠡ᠃ | ᠬᠦᠬᠡᠬᠤᠳᠠ ᠪᠣᠭᠤᠳᠦ ᠣᠷᠳᠣᠰ ᠤᠨ ᠢᠵᠢᠯ ᠠᠯᠬᠤᠮ ᠤᠨ ᠬᠦᠭᠵᠢᠯᠳᠡ ᠪᠣᠯᠣᠨ ᠬᠦᠬᠡᠬᠤᠳᠠ ᠪᠣᠭᠤᠳᠦ ᠢᠷᠭᠠᠢ | ᠲᠡᠮᠡᠭᠡᠳᠦ ᠶᠢᠨ ᠬᠤᠳᠠ ᠶᠢᠨ ᠰᠦᠷᠦᠭᠵᠢᠯ ᠤᠨ ᠬᠦᠭᠵᠢᠯᠳᠡ ᠲᠠᠢ ᠠᠭᠤᠰᠣᠯᠴᠠᠭᠤᠯᠣᠨ᠂ ᠬᠠᠷᠢᠯᠴᠠᠨ ᠨᠡᠪᠳᠡᠷᠡᠯᠴᠡᠬᠦ | ᠵᠠᠮ ᠤᠨ ᠲᠣᠣᠷ ᠢᠶᠠᠷ ᠰᠠᠭᠤᠷᠢ ᠪᠣᠯᠭᠠᠨ᠂ ᠠᠵᠣ ᠠᠬᠤᠢ ᠶᠢᠨ ᠬᠠᠮᠳᠣᠷᠠᠯᠴᠠᠭ᠎ᠠ ᠪᠠᠷ ᠲᠦᠰᠢᠭᠯᠡᠵᠣ᠂ ᠠᠵᠣ ᠣᠶᠢᠯᠠᠰ | ᠤᠨ ᠨᠡᠭᠡᠭᠡᠯᠳᠡ ᠪᠠᠷ ᠭᠠᠷᠳᠠᠴᠠ ᠬᠢᠵᠣ᠂ ᠰᠣᠶᠣᠯ ᠰᠣᠯᠢᠯᠴᠠᠭ᠎ᠠ ᠪᠠᠷ ᠬᠤᠯᠪᠣᠭᠠᠰᠦ ᠪᠣᠯᠭᠠᠵᠣ᠂ ᠢᠷᠭᠠᠢ ᠯᠤᠭ᠎ᠠ ᠶᠢᠨ | ᠶᠠᠪᠣᠯᠴᠠᠭ᠎ᠠ ᠪᠠᠨ ᠴᠢᠩᠭᠠᠳᠬᠠᠵᠣ᠂ ᠵᠢᠭᠤᠯᠴᠢᠯᠠᠯ᠂ ᠰᠣᠷᠭᠠᠨ ᠬᠦᠮᠦᠵᠢᠯ᠂ ᠡᠮ ᠡᠮᠨᠡᠯᠭᠡ᠂ ᠰᠠᠭᠤᠷᠢ ᠲᠦᠭᠦᠭᠡᠷᠦᠮᠵᠢ | ᠶᠢᠨ ᠲᠠᠯ᠎ᠠ ᠪᠠᠷ ᠭᠦᠨᠵᠡᠭᠡᠢ ᠬᠠᠮᠳᠣᠷᠠᠯᠴᠠᠵᠣ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠣ ᠬᠠᠮᠳᠦ ᠪᠠᠷ ᠠᠰᠢᠭ | ᠬᠦᠷᠳᠡᠨ᠎ᠡ᠃ ᠮᠣᠩᠭᠤᠯ ᠣᠯᠣᠰ ᠯᠤᠭ᠎ᠠ ᠶᠢᠨ ᠬᠠᠮᠳᠣᠷᠠᠯᠴᠠᠭ᠎ᠠ ᠪᠠᠨ ᠴᠢᠩᠭᠠᠳᠬᠠᠵᠣ᠂ ᠮᠠᠯ ᠲᠠᠷᠢᠶᠠᠯᠠᠩ ᠤᠨ | ᠰᠢᠨᠵᠢᠯᠡᠭᠡ ᠮᠡᠷᠭᠡᠵᠢᠯ ᠤᠨ ᠴᠠᠷᠠᠭᠠᠨ ᠳᠤ ᠬᠠᠮᠳᠣᠷᠠᠯᠴᠠᠭᠠᠨ ᠤ ᠰᠢᠨ᠎ᠡ ᠪᠦᠳᠦᠭᠡᠯ ᠭᠠᠷᠭᠠᠬᠤ ᠪᠠᠷ ᠴᠢᠷᠮᠠᠶᠢᠨ᠎ᠠ᠃ | ︵ᠲᠠᠪᠤ︶ ᠠᠷᠠᠳ ᠤᠨ ᠠᠮᠢᠳᠣᠷᠠᠯ ᠳᠤ ᠪᠣᠳᠠᠳᠦ ᠣᠴᠢᠷ ᠪᠦᠳᠦᠭᠡᠵᠣ᠂ ᠣᠯᠠᠨ ᠲᠦᠮᠡᠨ ᠤ ᠠᠰᠢᠭ | ᠵᠢᠷᠭᠠᠯ ᠢ ᠨᠡᠮᠡᠭᠳᠡᠭᠦᠯᠦᠨ᠎ᠡ᠃ ᠣᠯᠠᠨ ᠲᠦᠮᠡᠨ ᠤ ᠠᠰᠢᠭ ᠵᠢᠷᠭᠠᠯ ᠢ ᠨᠡᠮᠡᠭᠳᠡᠭᠦᠯᠬᠦ ᠶᠢ ᠵᠠᠰᠠᠭ ᠤᠨ ᠪᠦᠳᠦᠮᠵᠢ ᠪᠠᠨ | ᠪᠣᠯᠭᠠᠵᠣ᠂ ᠦᠭᠡᠷᠡᠴᠢᠯᠡᠯᠳᠡ ᠬᠦᠭᠵᠢᠯᠳᠡ ᠶᠢᠨ ᠨᠡᠩ ᠣᠯᠠᠨ ᠦᠷ᠎ᠡ ᠪᠦᠳᠦᠭᠡᠯ ᠢ ᠠᠷᠠᠳ ᠣᠯᠠᠨ ᠳᠤ ᠡᠳ᠋ᠯᠡᠭᠦᠯᠦᠨ᠎ᠡ | ᠃ ᠨᠢᠭᠡ ᠳᠤ᠂ ᠨᠡᠶᠢᠭᠡᠮ ᠤᠨ ᠪᠠᠳᠣᠯᠠᠭ᠎ᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠣᠶᠢᠯᠠᠰ ᠪᠦᠳᠦᠭᠡᠬᠦ ᠲᠡᠮᠵᠢᠯᠭᠡ | ᠶᠢᠨ ᠪᠣᠳᠣᠯᠭ᠎ᠠ ᠪᠣᠯᠣᠨ ᠣᠷᠮᠠᠰᠢᠭᠤᠯᠬᠤ ᠲᠣᠭᠳᠠᠴᠠ ᠶᠢ ᠲᠡᠭᠦᠯᠳᠡᠷᠵᠢᠭᠦᠯᠦᠨ᠂ ᠬᠤᠳᠠ ᠬᠦᠳᠡᠭᠡ ᠶᠢ ᠬᠠᠮᠣᠷᠠᠭᠰᠠᠨ | ᠮᠡᠷᠭᠡᠵᠢᠯ ᠴᠢᠳᠠᠪᠦᠷᠢ ᠶᠢᠨ ᠪᠣᠯᠪᠠᠰᠣᠷᠠᠯ ᠲᠦᠷᠢᠮ ᠢ ᠪᠠᠶᠢᠭᠤᠯᠵᠣ᠂ ᠣᠶᠣᠳᠠᠳ᠂ ᠴᠡᠷᠢᠭ ᠠᠴᠠ ᠬᠠᠯᠠᠭᠳᠠᠭᠰᠠᠳ᠂ | ᠶᠠᠳᠠᠭᠤ ᠬᠦᠴᠢᠷᠳᠡᠯᠳᠡᠢ ᠣᠯᠠᠨ ᠲᠦᠮᠡᠨ᠂ ᠠᠵᠢᠯ ᠣᠯᠣᠨ ᠣᠶᠢᠯᠠᠰ ᠪᠦᠳᠦᠭᠡᠬᠦ ᠠᠵᠢᠯ ᠢ ᠲᠣᠪᠣᠶᠢᠮ᠎ᠠ ᠰᠠᠶᠢᠨ | ᠠᠳᠬᠤᠵᠣ᠂ ᠲᠣᠰ ᠵᠢᠯ ᠳᠤ ᠬᠤᠳᠠ ᠪᠠᠯᠭᠠᠰᠣᠨ ᠤ 950 ᠠᠴᠠ ᠲᠡᠭᠡᠭᠰᠢᠬᠢ ᠬᠦᠮᠦᠨ ᠳᠤ ᠠᠵᠢᠯ ᠣᠯᠣᠭᠤᠯᠣᠨ᠂ | ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 3% ᠲᠣᠳᠣᠷ᠎ᠠ ᠬᠢᠵᠠᠭᠠᠷᠯᠠᠨ᠎ᠠ᠃ | ᠪᠦᠬᠦ ᠠᠷᠠᠳ ᠤᠨ ᠨᠡᠶᠢᠭᠡᠮ ᠤᠨ ᠲᠠᠭᠠᠳᠬᠠᠯ ᠤᠨ ᠲᠠᠩᠰᠠᠯᠠᠯᠳᠠ ᠶᠢ ᠭᠦᠨᠵᠡᠭᠡᠶᠢᠷᠡᠭᠦᠯᠵᠣ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠦᠨᠳᠦᠰᠣᠨ ᠨᠠᠰᠣᠵᠢᠯ ᠤᠨ ᠮᠦᠩᠭᠦ ᠶᠢᠨ ᠲᠣᠣᠷ᠎ᠠ ᠪᠠᠷᠢᠮᠵᠢᠶ᠎ᠡ ᠶᠢ 18 ᠲᠦᠬᠦᠷᠢᠭ | ᠲᠡᠭᠡᠭᠰᠢᠯᠡᠭᠦᠯᠵᠣ᠂ ᠠᠵᠣ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠣᠶᠢᠯᠠᠰ ᠤᠨ ᠨᠢᠭᠡᠴᠡ ᠶᠢᠨ ᠠᠵᠢᠯ | ᠠᠴᠠ ᠠᠮᠠᠷᠠᠭᠰᠠᠳ ᠤᠨ ᠦᠨᠳᠦᠰᠦᠨ ᠨᠠᠰᠣᠵᠢᠯ ᠤᠨ ᠮᠦᠩᠭᠦ ᠶᠢ 5% ᠪᠠᠷ ᠲᠡᠭᠡᠭᠰᠢᠯᠡᠭᠦᠯᠦᠨ᠎ᠡ᠃ ᠬᠤᠶᠠᠷ ᠲᠤ᠂ | ᠨᠡᠶᠢᠳᠡ ᠶᠢᠨ ᠣᠶᠢᠯᠡᠴᠢᠯᠡᠭᠡᠨ ᠤ ᠲᠦᠬᠦᠷᠵᠢᠭᠦᠯᠦᠯᠳᠡ ᠶᠢ ᠲᠡᠭᠦᠯᠳᠡᠷᠵᠢᠭᠦᠯᠦᠨ᠎ᠡ᠃ ᠭᠤᠣᠯᠯᠠᠭᠴᠢ ᠪᠠᠭᠰᠢ | ᠦᠨᠳᠦᠰᠦᠨ ᠱᠠᠳᠣᠨ ᠳᠤ ᠡᠭᠡᠯᠵᠢᠯᠡᠨ ᠠᠵᠢᠯᠯᠠᠬᠤ ᠲᠣᠭᠳᠠᠴᠠ ᠬᠡᠷᠡᠭᠵᠢᠭᠦᠯᠵᠣ᠂ ᠣᠯᠠᠨ ᠠᠷᠭ᠎ᠠ ᠵᠠᠮ ᠢᠶᠠᠷ ᠪᠠᠭᠰᠢ | ᠣᠷᠢᠨ ᠡᠯᠰᠡᠴᠦ᠂ ᠣᠯᠵᠠᠴᠢ ᠪᠠᠯᠭᠠᠰᠣᠨ ᠳᠤ ᠪᠠᠶᠢᠷᠢ ᠳᠤ ᠰᠠᠭᠤᠬᠤ ᠲᠦᠷᠢᠮᠳᠦ ᠪᠦᠷᠢᠨ ᠪᠠᠭ᠎ᠠ ᠰᠣᠷᠭᠠᠭᠤᠯᠢ ᠶᠢ 1 | ᠰᠠᠭᠤᠷᠢ ᠪᠠᠶᠢᠭᠤᠯᠣᠨ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠴᠢᠨᠠᠷᠯᠢᠭ ᠲᠡᠩᠴᠡᠭᠦᠷᠢᠳᠡᠢ ᠬᠦᠭᠵᠢᠯᠳᠡ ᠶᠢ | ᠠᠬᠢᠭᠤᠯᠣᠨ᠎ᠠ᠃ ︽ᠰᠠᠶᠢᠨ ᠡᠮᠴᠢ ᠬᠦᠳᠡᠭᠡ ᠳᠤ ᠪᠠᠭᠤᠬᠤ︾ ᠢᠨᠵᠧᠨᠧᠷᠢᠩ ᠢ ᠬᠡᠷᠡᠭᠵᠢᠭᠦᠯᠵᠣ᠂ ᠮᠣᠩᠭᠤᠯ ᠡᠮᠨᠡᠯᠭᠡ | ᠶᠢᠨ ᠶᠡᠷᠦᠩᠬᠡᠶᠢᠯᠡᠭᠰᠡᠨ ᠡᠮᠨᠡᠯᠭᠡ ᠶᠢ ᠵᠢᠯ ᠤᠨ ᠡᠴᠦᠰ ᠠᠴᠠ ᠡᠮᠦᠨ᠎ᠡ ᠠᠰᠢᠭᠯᠠᠯᠳᠠ ᠳᠤ ᠣᠷᠣᠭᠤᠯᠣᠨ᠂ ᠰᠢᠨ᠎ᠡ | ᠪᠠᠶᠢᠭᠤᠯᠵᠣ ᠪᠠᠶᠢᠭ᠎ᠠ 4 ᠡᠷᠡᠭᠦᠯ ᠬᠠᠮᠠᠭᠠᠯᠠᠯ ᠤᠨ ᠬᠤᠷᠢᠶ᠎ᠠ ᠶᠢ 6 ᠰᠠᠷ᠎ᠠ ᠶᠢᠨ ᠰᠡᠭᠦᠯᠴᠢ ᠠᠴᠠ ᠡᠮᠦᠨ᠎ᠡ | ᠠᠰᠢᠭᠯᠠᠯᠳᠠ ᠳᠤ ᠣᠷᠣᠭᠤᠯᠵᠣ᠂ ᠣᠯᠠᠨ ᠲᠦᠮᠡᠨ ᠤ ᠡᠮᠴᠢᠯᠡᠭᠡᠨ ᠤ ᠣᠷᠴᠢᠨ ᠢ ᠪᠦᠬᠦ ᠲᠠᠯ᠎ᠠ ᠪᠠᠷ | ᠰᠠᠶᠢᠵᠢᠷᠠᠭᠤᠯᠣᠨ᠎ᠠ᠃ ᠲᠣᠭᠯᠠᠯᠳᠠ ᠶᠢᠨ ᠲᠦᠪ ᠤᠨ ᠦᠭᠡᠷᠡᠴᠢᠯᠡᠯᠳᠡ ᠶᠢ ᠠᠬᠢᠭᠤᠯᠵᠣ᠂ ︽ᠠᠨᠠᠷ ᠪᠣᠯᠪᠠᠰᠣᠷᠠᠯ᠎ᠠ︾ | ᠵᠡᠷᠭᠡ ᠵᠦᠴᠦᠭᠡ ᠶᠢ ᠪᠠᠶᠢᠩᠭᠤ ᠲᠣᠭᠯᠠᠵᠣ᠂ ︽ᠰᠣᠶᠣᠯ ᠢ ᠬᠦᠳᠡᠭᠡ ᠪᠠᠭᠤᠯᠭᠠᠬᠤ︾ ᠠᠵᠢᠯᠯᠠᠭ᠎ᠠ ᠶᠢ ᠦᠷᠬᠦᠯᠵᠢᠯᠡᠨ | ᠦᠷᠨᠢᠭᠦᠯᠵᠣ᠂ ᠣᠯᠠᠨ ᠲᠦᠮᠠᠨ ᠤ ᠣᠶᠣᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠣᠨ᠎ᠠ᠃ ᠭᠤᠷᠪᠠ ᠳᠤ | ᠨᠡᠶᠢᠭᠡᠮ ᠤᠨ ᠵᠠᠰᠠᠯᠳᠠ ᠶᠢᠨ ᠰᠢᠨᠡᠴᠢᠯᠡᠯ ᠢ ᠴᠢᠩᠭᠠᠳᠬᠠᠨ᠎ᠠ᠃ ᠨᠡᠶᠢᠭᠡᠮ ᠤᠨ ᠠᠮᠣᠷ ᠲᠣᠭᠳᠠᠭᠤᠨ ᠢ ᠬᠠᠮᠠᠭᠠᠯᠠᠬᠤ | ᠬᠢᠨᠠᠨ ᠡᠵᠡᠮᠰᠢᠯ ᠤᠨ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠵᠣ᠂ ᠡᠯ᠎ᠡ ᠵᠣᠶᠢᠯ ᠤᠨ ᠶᠠᠯᠠᠳᠦ ᠠᠵᠢᠯᠯᠠᠭ᠎ᠠ ᠳᠤ | ᠴᠢᠩᠭ᠎ᠠ ᠴᠣᠬᠢᠯᠳᠠ ᠦᠭᠴᠦ᠂ ᠠᠮᠣᠷ ᠠᠮᠣᠭᠤᠯᠠᠩ ᠪᠠᠯᠭᠠᠰᠣᠨ ᠤ ᠪᠦᠬᠦ ᠪᠦᠷᠬᠦᠴᠡ ᠶᠢ ᠪᠡᠶᠡᠯᠡᠭᠦᠯᠵᠣ᠂ ᠠᠮᠣᠷ | ᠠᠮᠣᠭᠤᠯᠠᠩ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠴᠣᠭᠴᠠᠯᠠᠯᠳᠠ ᠶᠢᠨ ᠨᠣᠷᠮ᠎ᠠ ᠶᠢ 95% ᠠᠴᠠ | ᠲᠠᠪᠠᠭᠤᠯᠣᠨ᠎ᠠ᠃ ᠠᠶᠣᠯᠬᠦᠢ ᠣᠶᠢᠯᠠᠳᠪᠦᠷᠢᠯᠠᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ | ᠂ ᠠᠮᠣᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠦᠷᠬᠦᠯᠵᠢ ᠦᠷᠨᠢᠭᠦᠯᠦᠨ᠂ ᠭᠡᠮ | ᠰᠣᠭᠤᠭ ᠢ ᠡᠷᠡᠰ ᠴᠢᠩᠭ᠎ᠠ ᠪᠠᠷ ᠴᠡᠭᠴᠡᠯᠡᠨ ᠠᠶᠣᠯᠭᠦᠢ ᠣᠶᠢᠠᠯᠳᠪᠦᠷᠢᠯᠠᠯ ᠤᠨ ᠨᠣᠴᠢᠳᠠᠢ ᠭᠡᠨᠡᠳᠡᠯ ᠡᠬᠦᠰᠬᠦ ᠶᠢ | ᠪᠠᠳᠣᠯᠠᠨ᠎ᠠ᠃ ᠬᠤᠰᠢᠭᠤ᠂ ᠪᠠᠯᠭᠠᠰᠣ᠂ ᠭᠠᠴᠠᠭ᠎ᠠ ᠲᠣᠰᠬᠤᠨ ᠭᠤᠷᠪᠠᠨ ᠱᠠᠳᠣᠨ ᠤ ᠢᠳᠡᠭᠡᠨ ᠡᠮ ᠤᠨ ᠵᠣᠶᠢᠯᠠᠰ ᠤᠨ | ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠲᠣᠣᠷ ᠢ ᠪᠠᠶᠢᠭᠤᠯᠣᠨ᠂ ᠣᠯᠠᠨ ᠲᠦᠮᠡᠨ ᠤ ᠢᠳᠡᠭᠡᠨ ᠣᠮᠳᠠᠭᠠᠨ | ᠂ ᠡᠮ ᠬᠡᠷᠡᠭᠯᠡᠭᠡᠨ ᠤ ᠠᠮᠣᠷ ᠲᠦᠪᠰᠢᠨ ᠢ ᠪᠠᠳᠣᠯᠠᠨ᠎ᠠ᠃ ᠬᠠᠣᠯᠢ ᠲᠦᠭᠡᠮᠡᠯᠵᠢᠭᠦᠯᠬᠦ᠂ ᠨᠠᠮ ᠤᠨ ᠰᠣᠷᠳᠠᠯ ᠴᠢᠭᠡᠴᠢ | ᠵᠠᠰᠠᠭ᠂ ᠣᠶᠣᠨ ᠤ ᠪᠣᠯᠪᠠᠰᠣᠨ ᠤ ᠴᠣᠭᠴᠠᠯᠠᠯᠳᠠ᠂ ᠬᠦᠮᠦᠨ ᠠᠮᠠ ᠲᠦᠯᠦᠪᠯᠡᠭᠡᠳᠦ ᠭᠦᠩᠭᠡᠵᠢᠯ᠂ ᠡᠮᠡᠭᠳᠡᠶᠢᠴᠣᠳ | ᠬᠡᠣᠭᠡᠳ ᠪᠠᠭᠠᠴᠣᠳ᠂ ᠨᠡᠶᠢᠭᠡᠮ ᠤᠨ ᠬᠠᠮᠢᠶᠠᠷᠣᠯᠳᠠ᠂ ᠬᠤᠶᠠᠷ ᠢ ᠬᠦᠷᠢᠶᠡᠯᠡᠬᠦ ᠵᠡᠷᠭᠡ ᠠᠵᠢᠯ ᠢ ᠰᠠᠶᠢᠳᠦᠷ | ᠠᠳᠬᠤᠵᠣ᠂ ᠣᠯᠠᠨ ᠲᠦᠮᠠᠨ ᠤ ᠡᠷᠭᠡ ᠠᠰᠢᠭ ᠢ ᠬᠠᠮᠠᠭᠠᠯᠠᠨ᠂ ᠠᠮᠣᠷ ᠲᠣᠭᠳᠠᠭᠤᠨ ᠡᠶ᠎ᠡ ᠵᠤᠬᠢᠴᠠᠯᠳᠠᠢ ᠨᠡᠶᠢᠭᠡᠮ | ᠤᠨ ᠣᠷᠴᠢᠨ ᠢ ᠪᠣᠢ ᠪᠣᠯᠭᠠᠨ᠎ᠠ᠃ | ᠲᠦᠯᠦᠭᠡᠯᠡᠭᠴᠢᠳ ᠡ᠂ ᠰᠢᠨ᠎ᠡ ᠡᠬᠢᠯᠡᠯᠳᠡ ᠶᠢᠨ ᠴᠡᠭ ᠠᠴᠠ ᠰᠢᠨ᠎ᠡ ᠠᠶᠠᠨ ᠡᠬᠢᠯᠡᠵᠣ᠂ ᠰᠢᠨ᠎ᠡ ᠬᠠᠷᠠᠯᠳᠠ | ᠪᠢᠳᠠᠨ ᠳᠤ ᠰᠢᠨ᠎ᠡ ᠡᠭᠦᠷᠭᠡ ᠲᠣᠰᠢᠶᠠᠵᠣ ᠪᠠᠶᠢᠨ᠎ᠠ᠃ ᠪᠢᠳᠡ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠡᠷᠴᠢᠳᠦ ᠣᠳᠣᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠪᠠ ᠵᠢᠯᠣᠭᠤᠳᠣᠯᠭ᠎ᠠ ᠪᠠᠷ ᠰᠡᠳᠬᠢᠯ ᠨᠢᠭᠡᠳᠦᠨ | ᠪᠣᠳᠠᠳᠠᠢ ᠠᠵᠢᠯᠯᠠᠵᠣ᠂ ᠲᠣᠰ ᠵᠢᠯ ᠤᠨ ᠡᠯ᠎ᠡ ᠲᠦᠷᠦᠯ ᠤᠨ ᠬᠠᠷᠠᠯᠳᠠ ᠡᠭᠦᠷᠭᠡ ᠪᠠᠨ ᠪᠦᠬᠦ ᠲᠠᠯ᠎ᠠ ᠪᠠᠷ ᠴᠢᠨᠠᠷᠯᠢᠭ | ᠪᠡᠶᠡᠯᠡᠭᠦᠯᠬᠦ ᠪᠠᠷ ᠴᠢᠷᠮᠠᠶᠢᠨ ᠲᠡᠮᠡᠴᠡᠰᠦᠭᠡᠢ︕ |