ᠤᠳᠤᠭ ᠤᠨ ᠡᠮᠥᠨᠡᠳᠤ ᠬᠤᠰᠢᠭᠤᠨ ᠤ 2017 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ | ᠶᠢᠨ ᠪᠠᠶᠢᠳᠠᠯ ᠪᠠ 2018 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | —— 2018 ᠤᠨ ᠤ 3 ᠰᠠᠷ᠎ᠠ ᠶᠢᠨ 20 ᠤ ᠡᠳᠥᠷ ᠤᠳᠤᠭ ᠤᠨ ᠡᠮᠥᠨᠡᠳᠤ ᠬᠤᠰᠢᠭᠤᠨ ᠤ | ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ | ᠬᠤᠷᠠᠯᠳᠤᠭᠠᠨ ᠳᠡᠭᠡᠷ᠎ᠡ | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ | ᠬᠤᠰᠢᠭᠤᠨ ᠤ 2017 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ | 2018 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠳᠤᠰ ᠤᠳᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ | ᠵᠦᠪᠯᠡᠯᠬᠡᠨ ᠤ ᠬᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2017 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2017 ᠤᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠤᠳᠤ | ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ | ᠤ ᠬᠢᠨᠠᠯᠲᠠ ᠳᠠᠮᠵᠢᠯᠬᠡ ᠳᠤᠤᠷ᠎ᠠ᠂ ᠣᠷᠣᠯᠭ᠎ᠠ ᠶᠢ ᠠᠤᠨᠬᠤᠨ ᠦᠬᠡᠷᠡᠴᠢᠯᠠᠯᠳᠠ ᠶᠢ ᠠᠬᠢᠭᠤᠯᠵᠣ᠂ ᠪᠦᠳᠦᠴᠡ ᠶᠢ | ᠲᠣᠬᠢᠷᠠᠭᠤᠯᠣᠨ ᠠᠷᠠᠳ ᠤᠨ ᠠᠮᠢᠳᠥᠷᠠᠯ ᠢ ᠰᠠᠶᠢᠵᠢᠷᠠᠭᠤᠯᠵᠤ᠂ ᠲᠦᠭᠰᠢᠬᠦᠷᠢ ᠶᠢ ᠰᠡᠷᠬᠡᠶᠢᠯᠡᠬᠦ ᠠᠵᠢᠯ ᠢ ᠬᠦᠨᠵᠡᠬᠡᠢ | ᠦᠷᠨᠢᠬᠦᠯᠤᠨ᠂ ᠡᠬᠢ ᠰᠤᠷᠪᠤᠯᠵᠢ ᠶᠢ ᠨᠠᠶᠢᠤᠨᠬᠡᠬᠦ ᠬᠦᠴᠤᠯᠡᠴᠠ ᠪᠠᠨ ᠴᠢᠩᠭᠠᠤᠨᠬᠠᠵᠤ᠂ ᠤᠷᠤᠯᠭ᠎ᠠ ᠶᠢ ᠪᠦᠬᠦ ᠬᠦᠴᠤᠨ | ᠢᠶᠠᠷ ᠵᠤᠬᠢᠶᠠᠨ ᠪᠠᠶᠢᠭᠤᠯᠬᠤ᠂ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠬᠦ᠂ ᠦᠷᠢ ᠦᠭᠴᠡᠭᠡ ᠶᠢᠨ | ᠲᠦᠭᠰᠢᠬᠦᠷᠢ ᠶᠢ ᠰᠡᠷᠬᠡᠶᠢᠯᠡᠬᠦ ᠪᠠ ᠡᠳ᠋ ᠤᠨ ᠵᠠᠰᠠᠭ ᠤᠨ ᠦᠬᠡᠷᠡᠴᠢᠯᠠᠯᠳᠠ ᠶᠢ ᠠᠬᠢᠭᠤᠯᠬᠤ ᠵᠡᠷᠬᠡ ᠭᠤᠤᠯᠳᠠᠯᠭᠠᠳᠤ | ᠠᠵᠢᠯ ᠢ ᠰᠠᠶᠢᠳᠤᠷ ᠬᠢᠵᠤ᠂ ᠡᠳ᠋ ᠤᠨ ᠵᠠᠰᠠᠭ ᠤᠨ ᠤᠷᠤᠯᠭ᠎ᠠ ᠶᠢᠨ ᠳᠤᠭᠳᠠᠭᠤᠨ ᠢᠶᠠᠷ ᠨᠡᠮᠡᠭᠳᠡᠬᠦ ᠶᠢ ᠪᠠᠳᠤᠯᠠᠨ᠂ | ᠲᠦᠰᠤᠪ ᠤᠨ ᠬᠡᠷᠡᠭᠵᠢᠬᠦᠯᠤᠯᠳᠠ ᠪᠠᠨ ᠴᠢᠨᠠᠷᠵᠢᠭᠤᠨ ᠪᠡᠶᠡᠯᠡᠭᠦᠯᠪᠠ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2017 ᠤᠨ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ 37.58 ᠳ᠋ᠦᠩᠰᠢᠭᠤᠷ | ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 8.01 | ᠳ᠋ᠦᠩᠰᠢᠭᠤᠷ ᠲᠥᠭᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0. | 75 ᠳ᠋ᠥᠩᠰᠢᠭᠤᠷ ᠲᠥᠭᠦᠷᠢᠭ ᠢ ᠪᠠᠭᠳᠠᠨ᠎ᠠ︶᠂ ᠠᠳᠠᠯᠢ ᠬᠤᠭᠤᠴᠠᠭᠠᠨ ᠤ ᠬᠢ ᠠᠴᠠ 4.71% ᠨᠡᠮᠡᠭᠳᠡᠵᠥ᠂ | ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 16.53 ᠳ᠋ᠦᠩᠰᠢᠭᠤᠷ ᠲᠥᠭᠦᠷᠢᠭ᠂ ᠲᠡᠭᠡᠷ᠎ᠡ | ᠵᠢᠯ ᠤᠨ ᠦᠯᠡᠳᠡᠪᠦᠷᠢ ᠣᠷᠣᠯᠭ᠎ᠠ 6.88 ᠳ᠋ᠦᠩᠰᠢᠭᠤᠷ ᠲᠦᠭᠦᠷᠢᠭ ︵ᠦᠭᠴᠡᠬᠡᠨ ᠳᠡᠮᠳᠡᠭ ᠢ ᠰᠤᠯᠢᠭᠰᠡᠨ | ᠦᠯᠡᠳᠠᠪᠤᠷᠢ 3.17 ᠳ᠋ᠦᠩᠰᠢᠭᠤᠷ ᠲᠦᠬᠦᠷᠢᠭ ᠪᠠᠭᠳᠠᠨ᠎ᠠ︶᠂ ᠭᠠᠵᠠᠷ ᠤᠷᠤᠨ ᠤ ᠵᠠᠰᠠᠭ ᠤᠨ ᠤᠷᠳᠤᠨ ᠡᠩ ᠤᠨ | ᠥᠭᠴᠡᠭᠡᠨ ᠲᠡᠮᠳᠡᠭ ᠢᠶᠠᠷ ᠠᠯᠪᠠᠨ ᠵᠢᠬᠡᠯᠡᠯᠬᠡ ᠶᠢᠨ ᠳᠡᠮᠳᠡᠭ ᠤᠷᠤᠯᠠᠭᠤᠯᠤᠭᠰᠡᠨ ᠨᠢ 5.21 ᠳ᠋ᠦᠩᠰᠢᠭᠤᠷ | ᠲᠦᠬᠦᠷᠢᠭ ︵ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ0.21 ᠳ᠋ᠥᠩᠰᠢᠭᠤᠷ ᠲᠥᠭᠦᠷᠢᠭ ᠪᠠᠭᠳᠠᠨ᠎ᠠ︶᠂ ᠲᠦᠰᠤᠪ | ᠤᠨ ᠳᠤᠭᠳᠠᠭᠤᠨ ᠳᠤ ᠳᠤᠬᠢᠷᠠᠭᠤᠯᠤᠭᠰᠡᠨ ᠪᠡᠯᠡ ᠮᠦᠩᠬᠦ 0.93 ᠳ᠋ᠦᠩᠰᠢᠭᠤᠷ ᠲᠦᠬᠦᠷᠢᠭ᠂ ᠵᠠᠰᠠᠭ ᠤᠨ ᠤᠷᠳᠤᠨ | ᠤ ᠴᠢᠨᠠᠷᠳᠤ ᠪᠡᠯᠡ ᠮᠦᠩᠬᠦ ᠶᠢ 0.02 ᠳ᠋ᠦᠩᠰᠢᠭᠤᠷ ᠲᠦᠬᠦᠷᠢᠭ ᠳᠤᠬᠢᠷᠠᠭᠤᠯᠪᠠ᠃ ᠬᠤᠰᠢᠭᠤ ᠲᠤᠰ ᠱᠠᠳᠤᠨ ᠤ | ᠡᠯ᠎ᠡ ᠲᠠᠯ᠎ᠠ ᠶᠢᠨ ᠵᠠᠷᠤᠯᠭ᠎ᠠ 34.24 ᠳ᠋ᠦᠩᠰᠢᠭᠤᠷ ᠲᠥᠭᠦᠷᠢᠭ᠂ ᠡᠭᠦᠨ ᠳᠤ᠄ ᠡᠩ ᠤᠨ ᠨᠡᠶᠢᠲᠡ ᠶᠢᠨ ᠡᠳ᠋ ᠤᠨ | ᠵᠠᠰᠠᠭ ᠤᠨ ᠳᠥᠰᠥᠪ ᠤᠨ ᠵᠠᠷᠤᠯᠭ᠎ᠠ 25.64 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0. | 42 ᠳ᠋ᠦᠩᠰᠢᠭᠤᠷ ᠲᠥᠭᠦᠷᠢᠭ᠂ ᠰᠤᠯᠢᠭᠰᠠᠨ ᠡᠩ ᠤᠨ ᠥᠭᠴᠡᠭᠡᠨ ᠲᠡᠮᠳᠡᠭ ᠢᠶᠠᠷ ᠡᠭᠡ ᠮᠥᠩᠭᠦ ᠪᠤᠴᠠᠭᠠᠭᠰᠠᠨ | ᠵᠠᠷᠤᠯᠭ᠎ᠠ 4.56 ᠳ᠋ᠦᠩᠰᠢᠭᠤᠷ ᠲᠥᠭᠦᠷᠢᠭ᠂ ᠲᠦᠯᠤᠬᠡᠳᠤᠢ ᠦᠷᠢ ᠶᠢᠨ ᠳᠡᠮᠳᠡᠭ 3.62 ᠳ᠋ᠦᠩᠰᠢᠭᠤᠷ ᠲᠦᠬᠦᠷᠢᠭ | ︔ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 3.34 ᠳ᠋ᠦᠩᠰᠢᠭᠤᠷ ᠲᠦᠬᠦᠷᠢᠭ᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ | ᠣᠷᠣᠯᠭ᠎ᠠ ᠳᠠᠬᠢ ᠳᠠᠪᠣᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ 2.43 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠶᠢᠨ 30.34% ᠶᠢ ᠡᠵᠡᠯᠡᠵᠣ᠂ | ᠠᠳᠠᠯᠢ ᠬᠤᠭᠤᠴᠠᠭᠠᠨ ᠤ ᠬᠢ ᠠᠴᠠ 0.44 ᠳ᠋ᠥᠩᠰᠢᠭᠤᠷ ᠲᠥᠭᠦᠷᠢᠭ ᠨᠠᠮᠡᠭᠳᠡᠵᠤ᠂ 22.11% ᠪᠠᠷ ᠦᠰᠪᠠ᠃ | ᠡᠭᠦᠨ ᠳᠤ ᠦᠷᠲᠡᠭ ᠤᠨ ᠨᠡᠮᠡᠭᠳᠡᠯ ᠭᠠᠶᠢᠯᠢ 1.57 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ | 93.83% ᠪᠠᠷ ᠨᠠᠮᠡᠭᠳᠡᠪᠡ︔ ᠡᠵᠡᠩᠨᠡᠯᠲᠡ ᠶᠢᠨ ᠭᠠᠶᠢᠯᠢ 3 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ | ᠠᠴᠠ 99.92% ᠢᠶᠠᠷ ᠪᠠᠭᠤᠷᠠᠪᠠ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 0.09 ᠳ᠋ᠦᠩᠰᠢᠭᠤᠷ | ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 65.38% ᠪᠠᠷ ᠪᠠᠭᠤᠷᠠᠪᠠ︔ ᠬᠤᠪᠢ ᠬᠦᠮᠦᠨ ᠤ | ᠣᠯᠵᠠᠪᠣᠷᠢ ᠶᠢᠨ ᠭᠠᠶᠢᠯᠢ 0.13 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 18.18 % | ᠪᠠᠷ ᠨᠡᠮᠡᠭᠳᠡᠪᠡ︔ ᠡᠬᠢ ᠪᠠᠶᠠᠯᠢᠭ ᠤᠨ ᠭᠠᠶᠢᠯᠢ 0.64 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ | ᠠᠴᠠ 45.45% ᠪᠠᠷ ᠨᠡᠮᠡᠭᠳᠡᠪᠠ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ | ᠮᠦᠴᠢᠷ 1.63 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 101.88% ᠪᠠᠷ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 0.73 ᠳ᠋ᠦᠩᠰᠢᠭᠤᠷ ᠳᠦᠭᠦᠷᠢᠭ ᠨᠡᠮᠡᠭᠳᠡᠵᠤ᠂ 81.11% | ᠪᠠᠷ ᠦᠰᠪᠠ︔ ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 3.33 ᠳ᠋ᠦᠩᠰᠢᠭᠤᠷ ᠲᠦᠭᠦᠷᠢᠭ | ᠪᠡᠶᠡᠯᠡᠭᠦᠯᠵᠣ᠂ ᠵᠢᠯ ᠤᠨ ᠳᠥᠰᠥᠪ ᠢᠶᠠᠨ 104.06% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ | 0.13 ᠳ᠋ᠦᠩᠰᠢᠭᠤᠷ ᠲᠥᠭᠦᠷᠢᠭ ᠨᠡᠮᠡᠭᠳᠡᠵᠤ᠂ 4.06% ᠪᠠᠷ ᠦᠰᠪᠠ︔ ᠡᠳ᠋ ᠤᠨ ᠵᠠᠰᠠᠭ ᠤᠨ ᠰᠠᠯᠠᠭ᠎ᠠ | ᠮᠦᠴᠢᠷ 3.05 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 95.31 % ᠶᠢ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 0.25 ᠳ᠋ᠦᠩᠰᠢᠭᠤᠷ ᠲᠥᠭᠦᠷᠢᠭ ᠪᠠᠭᠤᠷᠠᠵᠤ᠂ 7.58% | ᠪᠠᠷ ᠬᠠᠰᠤᠭᠳᠠᠪᠠ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠨᠡᠬᠦᠷᠡᠰᠣᠨ ᠠᠵᠢᠯ ᠲᠦᠷᠦᠯ 1.45 ᠳ᠋ᠦᠩᠰᠢᠭᠤᠷ | ᠳᠦᠭᠦᠷᠢᠭ ᠪᠡᠶᠡᠯᠡᠭᠦᠯᠵᠣ᠂ 253.66% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠠᠵᠢᠯ ᠲᠦᠷᠤᠯ 1.39 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 75.95 % ᠪᠠᠷ ᠨᠡᠮᠡᠭᠳᠡᠪᠠ︔ ᠤᠶᠢᠯᠡᠤᠨᠬᠦ ᠠᠵᠢᠯ ᠲᠦᠷᠤᠯ 0.05 | ᠳ᠋ᠦᠩᠰᠢᠭᠤᠷ ᠲᠦᠭᠦᠷᠢᠭ ᠪᠡᠶᠡᠯᠡᠭᠦᠯᠵᠤ᠂ 150% ᠪᠠᠷ ᠨᠡᠮᠡᠭᠳᠡᠪᠠ︔ ᠴᠡᠬᠢᠯᠭᠠᠨ ᠬᠦᠴᠣᠨ ᠤ ᠠᠵᠢᠯ ᠲᠦᠷᠦᠯ 0. | 23 ᠳ᠋ᠦᠩᠰᠢᠭᠤᠷ ᠳᠦᠭᠦᠷᠢᠭ ᠪᠡᠶᠡᠯᠡᠭᠦᠯᠵᠣ᠂ 53.06 % ᠪᠠᠷ ᠪᠠᠭᠤᠷᠠᠪᠠ︔ ᠪᠠᠷᠢᠯᠭ᠎ᠠ ᠶᠢᠨ ᠠᠵᠢᠯ ᠲᠦᠷᠦᠯ | 0.42 ᠳ᠋ᠦᠩᠰᠢᠭᠤᠷ ᠳᠦᠭᠦᠷᠢᠭ ᠪᠡᠶᠡᠯᠡᠭᠦᠯᠵᠣ᠂ 37.31% ᠪᠠᠷ ᠪᠠᠭᠤᠷᠠᠪᠠ︔ ᠵᠠᠮ ᠲᠡᠬᠡᠬᠡᠪᠣᠷᠢ ᠶᠢᠨ ᠦᠢᠯᠡᠰ | 0.03 ᠳ᠋ᠦᠩᠰᠢᠭᠤᠷ ᠳᠦᠭᠦᠷᠢᠭ ᠪᠡᠶᠡᠯᠡᠭᠦᠯᠵᠣ᠂ 25 % ᠪᠠᠷ ᠪᠠᠭᠤᠷᠠᠪᠠ︔ ᠬᠡᠷ ᠬᠦᠷᠦᠩᠬᠡ ᠶᠢᠨ ᠠᠵᠢᠯ | ᠲᠦᠷᠦᠯ 0.1 ᠳ᠋ᠦᠩᠰᠢᠭᠤᠷ ᠳᠦᠭᠦᠷᠢᠭ ᠪᠡᠶᠡᠯᠡᠭᠦᠯᠵᠣ᠂ 75% ᠪᠠᠷ ᠪᠠᠭᠤᠷᠠᠪᠠ︔ ᠪᠦᠬᠡᠮ ᠢᠶᠠᠷ ᠪᠠ ᠵᠢᠵᠢᠭᠯᠡᠨ | ᠪᠣᠷᠣᠯᠠᠭᠤᠯᠬᠤ ᠦᠢᠯᠡᠰ 0.35 ᠳ᠋ᠦᠩᠰᠢᠭᠤᠷ ᠳᠦᠭᠦᠷᠢᠭ ᠪᠡᠶᠡᠯᠡᠭᠦᠯᠵᠣ᠂ 6.06 % ᠪᠠᠷ ᠨᠡᠮᠡᠭᠳᠡᠪᠠ︔ | ᠬᠤᠨᠤᠭᠯᠠᠬᠤ ᠪᠠ ᠢᠳᠡᠭᠡᠨ ᠤᠮᠳᠠᠭᠠᠨ ᠤ ᠠᠵᠢᠯ ᠲᠦᠷᠤᠯ 0.02 ᠳ᠋ᠦᠩᠰᠢᠭᠤᠷ ᠲᠦᠭᠦᠷᠢᠭ ᠪᠡᠶᠡᠯᠡᠭᠦᠯᠵᠤ᠂ | 100% ᠪᠠᠷ ᠨᠡᠮᠡᠭᠳᠡᠪᠡ︔ ᠦᠢᠯᠡᠴᠢᠯᠡᠬᠡᠨ ᠤ ᠦᠢᠯᠡᠰ 0.04 ᠳ᠋ᠦᠩᠰᠢᠭᠤᠷ ᠳᠦᠭᠦᠷᠢᠭ ᠪᠡᠶᠡᠯᠡᠭᠦᠯᠵᠣ᠂ 42. | 86% ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0.17 ᠳ᠋ᠦᠩᠰᠢᠭᠤᠷ ᠳᠦᠭᠦᠷᠢᠭ ᠪᠡᠶᠡᠯᠡᠭᠦᠯᠵᠣ᠂ | 5.56% ᠪᠠᠷ ᠪᠠᠭᠤᠷᠠᠪᠠ︔ ᠪᠣᠰᠣᠳ ᠠᠵᠢᠯ ᠲᠦᠷᠦᠯ 3.76 ᠳ᠋ᠦᠩᠰᠢᠭᠤᠷ ᠳᠦᠭᠦᠷᠢᠭ ︵ᠭᠤᠣᠯᠳᠠᠭᠤ | ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 4.81% ᠪᠠᠷ ᠪᠠᠭᠤᠷᠠᠪᠠ᠃ | 2017 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ | 25.64 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 7.46% ᠪᠠᠷ ᠨᠡᠮᠡᠭᠳᠡᠪᠠ᠂ | ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 22.44 ᠳ᠋ᠦᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ | ᠨᠡᠬᠡᠬᠡᠯᠲᠡ ᠶᠢᠨ ᠣᠷᠣᠨ ᠤ ᠵᠠᠷᠣᠯᠭ᠎ᠠ 0.96 ᠳ᠋ᠦᠩᠰᠢᠭᠤᠷ ᠲᠥᠭᠦᠷᠢᠭ᠂ ᠪᠠᠯᠭᠠᠰᠦ ᠱᠠᠳᠦᠨ ᠤ ᠵᠠᠷᠣᠯᠭ᠎ᠠ 2. | 24 ᠳ᠋ᠦᠩᠰᠢᠭᠤᠷ ᠲᠦᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ | ᠪᠠᠶᠢᠳᠠᠯ᠃ 2017 ᠤᠨ ᠳᠤ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠳᠤᠰ ᠱᠠᠳᠤᠨ ᠤ | ᠤᠷᠤᠯᠭ᠎ᠠ 0.29 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 1.1 ᠳ᠋ᠦᠩᠰᠢᠭᠤᠷ | ᠲᠦᠬᠦᠷᠢᠭ ᠪᠠᠭᠠᠰᠴᠤ᠂ 79.14% ᠪᠠᠷ ᠪᠠᠭᠤᠷᠠᠪᠠ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ | ᠵᠠᠷᠤᠯᠭ᠎ᠠ 1.02 ᠳ᠋ᠦᠩᠰᠢᠭᠤᠷ ᠲᠥᠭᠦᠷᠢᠭ ︵ᠡᠬᠦᠨ ᠳᠤ᠄ ᠳᠡᠬᠡᠳᠤ ᠱᠠᠳᠤᠨ ᠤ ᠳᠤᠰᠬᠠᠢ ᠲᠦᠷᠤᠯ ᠤᠨ ᠵᠠᠷᠤᠯᠭ᠎ᠠ | 0.73 ᠳ᠋ᠦᠩᠰᠢᠭᠤᠷ ᠲᠦᠬᠦᠷᠢᠭ ᠪᠠᠭᠳᠠᠨ᠎ᠠ︶᠂ ᠠᠳᠠᠯᠢ ᠬᠤᠭᠤᠴᠠᠭᠠᠨ ᠠᠴᠠ 0.5 ᠳ᠋ᠦᠩᠰᠢᠭᠤᠷ ᠲᠦᠬᠦᠷᠢᠭ | ᠪᠠᠭᠠᠰᠴᠤ᠂ 32.89% ᠪᠠᠷ ᠪᠠᠭᠤᠷᠠᠪᠠ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2017 ᠤᠨ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 2.05 ᠳ᠋ᠦᠩᠰᠢᠭᠤᠷ | ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.63 ᠳ᠋ᠦᠩᠰᠢᠭᠤᠷ ᠲᠦᠬᠦᠷᠢᠭ ᠨᠡᠮᠡᠭᠳᠡᠵᠤ᠂ 43. | 36% ᠪᠠᠷ ᠨᠡᠮᠡᠭᠳᠡᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ | ᠶᠢ 2.05 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.63 ᠳ᠋ᠦᠩᠰᠢᠭᠤᠷ | ᠲᠦᠬᠦᠷᠢᠭ ᠨᠡᠮᠡᠭᠳᠡᠵᠤ᠂ 43.36% ᠪᠠᠷ ᠨᠡᠮᠡᠭᠳᠡᠪᠠ᠃ | 2017 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ | ᠤᠨᠴᠠᠯᠢᠭ᠄ | ︵ᠨᠢᠭᠡ︶ ᠤᠷᠤᠯᠭ᠎ᠠ ᠶᠢᠨ ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭ᠎ᠠ ᠠᠳᠬᠤᠵᠤ᠂ ᠡᠳ᠋ ᠶᠢᠨ ᠵᠠᠰᠠᠭ | ᠤᠨ ᠤᠷᠤᠯᠭ᠎ᠠ ᠶᠢ ᠯᠠᠪᠳᠠᠭᠤᠨ ᠢᠶᠠᠷ ᠨᠡᠮᠡᠭᠳᠡᠬᠦᠯᠪᠠ᠃ ᠤᠷᠤᠯᠭ᠎ᠠ ᠶᠢᠨ ᠳᠠᠳᠠᠪᠤᠷᠢᠯᠠᠯᠳᠠ ᠶᠢ ᠢᠮᠠᠭᠳᠠ ᠡᠳ᠋ ᠤᠨ | ᠵᠠᠰᠠᠭ ᠤᠨ ᠠᠵᠢᠯ ᠤᠨ ᠭᠤᠤᠯᠳᠠᠯᠭ᠎ᠠ ᠪᠤᠯᠭᠠᠵᠤ᠂ ᠳᠤᠪᠤᠶᠢᠮ᠎ᠠ ᠪᠠᠶᠢᠷᠢᠨ ᠳᠤ ᠳᠠᠯᠪᠢᠪᠠ᠃ ᠡᠳ᠋ ᠤᠨ ᠵᠠᠰᠠᠭ ᠭᠠᠶᠢᠯᠢ | ᠶᠢᠨ ᠰᠠᠯᠠᠭ᠎ᠠ ᠮᠦᠴᠢᠷ ᠠᠴᠠ ᠬᠠᠤᠯᠢ ᠶᠤᠰᠤ ᠪᠠᠷ ᠳᠠᠳᠠᠪᠤᠷᠢᠯᠠᠬᠤ ᠪᠤᠯᠤᠨ ᠡᠳ᠋ ᠤᠨ ᠢᠷᠠᠯᠳᠠ ᠶᠢ | ᠳᠤᠭᠳᠠᠪᠤᠷᠢᠵᠢᠭᠤᠯᠬᠤ ᠶᠢ ᠬᠠᠮᠳᠤ ᠳᠤ ᠨᠢ ᠠᠤᠨᠬᠤᠵᠤ᠂ ᠬᠠᠤᠯᠢ ᠶᠤᠰᠤ ᠪᠠᠷ ᠵᠠᠰᠠᠭ ᠶᠠᠪᠤᠭᠤᠯᠬᠤ᠂ ᠭᠠᠶᠢᠯᠢ ᠶᠢᠨ | ᠶᠠᠪᠤᠳᠠᠯ ᠢ ᠶᠡᠷᠤᠩᠬᠡᠶᠢᠯᠡᠨ ᠵᠠᠰᠠᠬᠤ ᠵᠡᠷᠬᠡ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ᠂ ᠤᠷᠤᠯᠭ᠎ᠠ ᠶᠢᠨ ᠴᠢᠨᠠᠷ ᠢ | ᠢᠯᠡᠷᠬᠡᠢ ᠳᠡᠬᠡᠭᠰᠢᠯᠡᠬᠦᠯᠪᠠ᠃ ᠡᠬᠦᠨ ᠤ ᠬᠠᠮᠳᠤ᠂ ᠪᠦᠳᠤᠴᠠ ᠶᠢᠨ ᠴᠢᠨᠠᠷ ᠲᠠᠢ ᠭᠠᠶᠢᠯᠢ ᠵᠠᠷᠤᠳᠠᠯ ᠢ ᠪᠠᠭᠠᠰᠬᠠᠬᠤ | ᠲᠦᠷᠤ ᠶᠢᠨ ᠪᠤᠳᠤᠯᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠡᠳ᠋ ᠤᠨ ᠵᠠᠰᠠᠭ ᠭᠠᠶᠢᠯᠢ ᠶᠢᠨ ᠳᠤᠭᠳᠠᠭᠤᠨ | ᠨᠡᠮᠡᠭᠳᠡᠯ ᠤᠨ ᠠᠷᠭ᠎ᠠ ᠠᠪᠴᠠᠯ ᠢ ᠰᠢᠨᠡᠴᠢᠯᠡᠵᠤ᠂ ᠭᠤᠤᠯᠳᠠᠯᠭᠠᠳᠤ ᠠᠵᠢᠯ ᠲᠦᠷᠤᠯ᠂ ᠠᠵᠤ ᠠᠬᠤᠶᠢᠯᠠᠯ ᠪᠤᠯᠤᠨ | ᠭᠠᠶᠢᠯᠢ ᠶᠢᠨ ᠢᠷᠠᠯᠳᠠ ᠶᠢᠨ ᠳᠤᠮᠤ ᠡᠷᠤᠬᠡ ᠳᠤ ᠤᠶᠢᠯᠡᠴᠢᠯᠡᠨ ᠳᠡᠮᠵᠢᠵᠤ᠂ ᠬᠠᠳᠠᠭᠠᠯᠠᠬᠤ ᠬᠢᠬᠡᠤᠨ ᠨᠡᠮᠡᠭᠳᠡᠬᠦᠯᠬᠦ ᠶᠢ | ᠬᠠᠮᠳᠤ ᠳᠤ ᠨᠢ ᠴᠢᠬᠤᠯᠠᠴᠢᠯᠠᠨ᠂ ᠤᠷᠤᠯᠭ᠎ᠠ ᠶᠢ ᠳᠤᠭᠳᠠᠪᠤᠷᠢᠵᠢᠭᠤᠯᠬᠤ ᠬᠢᠬᠡᠤᠨ ᠤᠷᠤᠯᠭ᠎ᠠ ᠶᠢᠨ ᠴᠢᠨᠠᠷ ᠢ | ᠪᠠᠳᠤᠯᠠᠬᠤ ᠶᠢ ᠬᠠᠮᠳᠤ ᠠᠤᠨᠬᠤᠪᠠ᠃ ᠪᠦᠬᠦ ᠬᠤᠰᠢᠭᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ | ᠤᠷᠤᠯᠭ᠎ᠠ ᠶᠢ 8.01 ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠡᠭᠦᠨ ᠳᠤ ᠭᠠᠶᠢᠯᠢ ᠶᠢᠨ ᠤᠷᠤᠯᠭ᠎ᠠ ᠶᠢ 4.69 | ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠤᠷᠤᠯᠭ᠎ᠠ ᠶᠢᠨ 58.55% ᠶᠢ ᠡᠵᠡᠯᠡᠨ᠂ 18.14% ᠪᠠᠷ ᠨᠡᠮᠡᠭᠳᠡᠪᠠ | ︔ ᠭᠠᠶᠢᠯᠢ ᠶᠢᠨ ᠪᠤᠰᠤ ᠤᠷᠤᠯᠭ᠎ᠠ ᠶᠢ 3.32 ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠤᠷᠤᠯᠭ᠎ᠠ ᠶᠢᠨ 41. | 45% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 4.32% ᠢᠶᠠᠷ ᠪᠠᠭᠤᠷᠠᠪᠠ᠃ | ︵ᠬᠤᠶᠠᠷ︶ ᠵᠠᠷᠣᠯᠭ᠎ᠠ ᠶᠢᠨ ᠪᠦᠲᠦᠴᠠ ᠶᠢ ᠰᠢᠯᠢᠳᠡᠭᠵᠢᠭᠦᠯᠤᠨ᠂ ᠠᠷᠠᠳ ᠤᠨ ᠠᠮᠢᠳᠤᠷᠠᠯ ᠢ | ᠬᠠᠷᠠᠭᠠᠯᠵᠠᠬᠤ ᠪᠠᠳᠤᠯᠠᠭ᠎ᠠ ᠶᠢᠨ ᠲᠦᠪᠰᠢᠨ ᠢᠶᠠᠨ ᠳᠡᠬᠡᠭᠰᠢᠯᠡᠬᠦᠯᠪᠠ᠃ ︽ᠤᠷᠤᠯᠭ᠎ᠠ ᠪᠠᠨ ᠦᠨᠳᠤᠰᠤᠯᠡᠨ ᠵᠠᠷᠤᠯᠭ᠎ᠠ | ᠪᠠᠨ ᠳᠤᠬᠢᠷᠠᠭᠤᠯᠬᠤ᠂ ᠪᠠᠳᠤᠯᠠᠬᠤ ᠪᠠᠭᠠᠰᠬᠠᠬᠤ ᠶᠢ ᠬᠠᠮᠳᠤ ᠳᠤ ᠨᠢ ᠴᠢᠬᠤᠯᠠᠴᠢᠯᠠᠬᠤ︾ ᠵᠠᠷᠴᠢᠮ ᠢ ᠪᠠᠷᠢᠮᠳᠠᠯᠠᠨ᠂ | ᠵᠠᠷᠤᠯᠭ᠎ᠠ ᠶᠢᠨ ᠬᠠᠮᠢᠶᠠᠷᠤᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠤᠷᠤᠯᠭ᠎ᠠ ᠶᠢ ᠵᠤᠬᠢᠰᠳᠠᠢ ᠬᠤᠪᠢᠶᠠᠷᠢᠯᠠᠪᠠ | ᠃ ︽ᠭᠤᠷᠪᠠᠨ ᠠᠯᠪᠠᠨ︾ ᠤ ᠵᠠᠷᠤᠳᠠᠯ ᠪᠤᠯᠤᠨ ᠡᠩ ᠤᠨ ᠵᠠᠷᠤᠯᠭ᠎ᠠ ᠶᠢ ᠶᠡᠬᠡᠪᠡᠷ ᠪᠠᠭᠠᠰᠬᠠᠨ᠂ ᠪᠠᠶᠢᠭᠤᠯᠤᠮᠵᠢ ᠶᠢᠨ | ᠡᠷᠬᠢᠯᠳᠠ᠂ ᠠᠵᠢᠯᠳᠠᠨ ᠤ ᠴᠠᠯᠢᠩ᠂ ᠨᠡᠶᠢᠬᠡᠮ ᠤᠨ ᠪᠠᠳᠤᠯᠠᠭ᠎ᠠ ᠪᠤᠯᠤᠨ ᠪᠦᠬᠦ ᠬᠤᠰᠢᠭᠤᠨ ᠤ ᠠᠵᠤ ᠠᠬᠤᠢ ᠨᠠᠶᠢᠬᠡᠮ | ᠤᠨ ᠬᠦᠭᠵᠢᠯᠳᠠ ᠲᠠᠢ ᠬᠤᠯᠪᠤᠭᠳᠠᠬᠤ ᠭᠤᠤᠯᠳᠠᠯᠭᠠᠳᠤ ᠵᠠᠷᠤᠯᠭ᠎ᠠ ᠶᠢ ᠪᠠᠳᠤᠯᠠᠭᠰᠡᠨ ᠰᠠᠭᠤᠷᠢᠨ ᠳᠡᠬᠡᠷ᠎ᠠ᠂ ︽ | ᠦᠨᠳᠤᠰᠤᠨ ᠵᠦᠢᠯ ᠢ ᠪᠠᠳᠤᠯᠠᠬᠤ᠂ ᠨᠠᠭᠠᠳᠤ ᠵᠠᠬ᠎ᠠ ᠶᠢ ᠪᠠᠳᠤᠯᠠᠬᠤ᠂ ᠡᠷᠬᠡ ᠳᠡᠭᠰᠢ ᠶᠢ ᠠᠬᠢᠭᠤᠯᠬᠤ︾ ᠶᠢ | ᠴᠢᠬᠤᠯᠠᠴᠢᠯᠠᠨ᠂ ᠨᠠᠩ ᠠᠷᠪᠢᠨ ᠡᠳ᠋ ᠤᠨ ᠬᠦᠴᠤᠨ ᠢᠶᠠᠨ ᠠᠷᠠᠤᠨ ᠤᠨ ᠠᠮᠢᠳᠤᠷᠠᠯ ᠤᠨ ᠬᠦᠷᠢᠶ᠎ᠡ ᠬᠡᠪᠴᠢᠶᠠᠨ ᠳᠤ | ᠵᠠᠷᠤᠴᠠᠭᠤᠯᠵᠤ᠂ ᠨᠠᠶᠢᠳᠠ ᠶᠢᠨ ᠡᠳ᠋ ᠤᠨ ᠵᠠᠰᠠᠭ ᠤᠨ ᠦᠵᠡᠯᠳᠠ ᠶᠢ ᠠᠵᠢᠯ ᠤᠨ ᠪᠦᠬᠦ ᠶᠠᠪᠤᠴᠠ ᠳᠤ ᠪᠠᠨ | ᠳᠤᠤᠱᠯᠠᠭᠤᠯᠵᠤ᠂ ᠠᠷᠠᠤᠨ ᠤᠨ ᠠᠮᠢᠳᠤᠷᠠᠯ ᠤᠨ ᠰᠠᠶᠢᠵᠢᠷᠠᠭᠤᠯᠤᠯᠳᠠ ᠶᠢ ᠡᠳ᠋ ᠤᠨ ᠵᠠᠰᠠᠭ ᠤᠨ ᠠᠵᠢᠯ ᠤᠨ | ᠭᠠᠷᠳᠠᠴᠠ ᠪᠠ ᠵᠤᠭᠰᠤᠴᠠ ᠪᠤᠯᠭᠠᠨ ᠪᠠᠳᠤᠯᠠᠭ᠎ᠠ ᠶᠢᠨ ᠳᠡᠷᠢᠬᠦᠨ ᠪᠠᠶᠢᠷᠢᠨ ᠳᠤ ᠳᠠᠯᠪᠢᠪᠠ᠃ ᠪᠦᠬᠦ ᠬᠤᠰᠢᠭᠤᠨ ᠤ | ᠡᠩ ᠤᠨ ᠨᠠᠶᠢᠳᠠ ᠶᠢᠨ ᠲᠦᠰᠤᠪ ᠤᠨ ᠵᠠᠷᠤᠯᠭ᠎ᠠ ᠳᠠᠬᠢ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ 20. | 73 ᠳ᠋ᠦᠩᠰᠢᠭᠤᠷ ᠲᠦᠬᠦᠷᠢᠭ ᠬᠦᠷᠴᠤ᠂ ᠶᠡᠷᠤᠩᠬᠡᠢ ᠵᠠᠷᠤᠯᠭ᠎ᠠ ᠶᠢᠨ 80.85% ᠶᠢ ᠡᠵᠡᠯᠡᠵᠤ᠂ ᠠᠷᠠᠳ ᠤᠨ | ᠠᠮᠢᠳᠤᠷᠠᠯ ᠢ ᠪᠥᠳᠥᠮᠵᠢᠳᠡᠢ ᠪᠠᠳᠤᠯᠠᠵᠤ ᠰᠠᠶᠢᠵᠢᠷᠠᠭᠤᠯᠪᠠ᠃ | ︵ᠭᠤᠷᠪᠡ︶ ᠦᠷᠢ ᠦᠭᠴᠡᠬᠡᠨ ᠤ ᠬᠠᠮᠢᠶᠠᠷᠤᠯᠳᠠ ᠶᠢ ᠰᠠᠶᠢᠳᠤᠷ ᠠᠤᠨᠬᠤᠵᠤ᠂ ᠡᠳ᠋ ᠤᠨ ᠵᠠᠰᠠᠭ | ᠮᠦᠩᠬᠦᠨ ᠬᠦᠢᠯᠬᠡᠬᠡᠨ ᠤ ᠲᠦᠭᠰᠢᠬᠦᠷᠢ ᠶᠢ ᠰᠡᠷᠬᠡᠶᠢᠯᠡᠪᠠ᠃ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠤᠷᠤᠨ᠂ ᠬᠤᠳᠠ᠂ ᠬᠤᠰᠢᠭᠤᠨ ᠤ | ᠬᠤᠯᠪᠤᠭᠳᠠᠯ ᠪᠦᠬᠦᠢ ᠰᠢᠢᠤᠨᠪᠤᠷᠢ ᠪᠠᠶᠢᠷᠢᠯᠠᠭᠤᠯᠤᠯᠳᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ | ᠦᠷᠢ ᠦᠭᠴᠡᠬᠡᠨ ᠤ ᠬᠠᠮᠢᠶᠠᠷᠤᠯᠳᠠ ᠶᠢ ᠲᠦᠷᠢᠮᠵᠢᠬᠦᠯᠤᠨ ᠮᠦᠩᠬᠦᠨ ᠬᠦᠢᠯᠬᠡᠬᠡᠨ ᠤ ᠲᠦᠭᠰᠢᠬᠦᠷᠢ ᠶᠢ ᠰᠡᠷᠬᠡᠶᠢᠯᠡᠬᠦ | ᠶᠢ ᠴᠢᠬᠤᠯᠠ ᠶᠡᠭᠡ ᠤᠯᠤᠰ ᠲᠦᠷᠤ ᠶᠢᠨ ᠬᠠᠷᠢᠭᠤᠴᠠᠯᠭ᠎ᠠ ᠪᠤᠯᠭᠠᠨ ᠰᠠᠶᠢᠳᠤᠷ ᠠᠤᠨᠬᠤᠪᠠ᠃ ᠪᠠᠶᠢᠭᠤᠯᠤᠮᠵᠢ ᠪᠤᠯᠤᠨ | ᠠᠵᠢᠯᠳᠠᠨ ᠳᠤᠬᠢᠷᠠᠭᠤᠯᠵᠤ᠂ ᠵᠠᠰᠠᠭ ᠤᠨ ᠤᠷᠳᠤᠨ ᠤ ᠦᠷᠢ ᠦᠭᠴᠡᠬᠡᠨ ᠤ ᠬᠠᠮᠢᠶᠠᠷᠤᠯᠳᠠ ᠶᠢ ᠲᠦᠷᠢᠮᠵᠢᠬᠦᠯᠤᠨ | ᠮᠦᠩᠬᠦᠨ ᠬᠦᠢᠯᠬᠡᠬᠡᠨ ᠤ ᠲᠦᠭᠰᠢᠬᠦᠷᠢ ᠶᠢ ᠰᠡᠷᠬᠡᠶᠢᠯᠡᠬᠦ ᠠᠵᠢᠯ ᠤᠨ ᠤᠳᠤᠷᠢᠤᠨᠬᠤ ᠳᠤᠭᠤᠶᠢᠯᠠᠩ ᠪᠤᠯᠤᠨ ᠳᠤᠰᠬᠠᠢ | ᠠᠵᠢᠯ ᠤᠨ ᠳᠤᠭᠤᠶᠢᠯᠠᠩ ᠪᠠᠶᠢᠭᠤᠯᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠢᠯᠭᠠᠷᠠᠭᠤᠯᠤᠨ | ᠰᠢᠢᠤᠨᠪᠤᠷᠢᠯᠡᠬᠦ ᠠᠵᠢᠯ ᠢ ᠪᠦᠬᠦ ᠳᠠᠯ᠎ᠠ ᠪᠠᠷ ᠵᠢᠯᠤᠭᠤᠳᠤᠨ᠂ ᠵᠠᠰᠠᠭ ᠤᠨ ᠤᠷᠳᠤᠨ ᠤ ᠦᠷᠢ ᠦᠭᠴᠡᠬᠡᠨ ᠤ ᠬᠢᠨᠠᠨ | ᠡᠵᠡᠮᠰᠢᠯᠳᠠ ᠶᠢ ᠴᠢᠩᠭᠠᠤᠨᠬᠠᠵᠤ᠂ ᠢᠯᠡ ᠴᠢᠨᠠᠷ ᠲᠠᠢ ᠦᠷᠢ ᠦᠭᠴᠡᠭᠡ ᠶᠢ ᠬᠢᠵᠠᠭᠠᠷᠯᠠᠯ ᠠᠴᠠ ᠳᠠᠪᠠᠭᠤᠯᠬᠤ ᠦᠬᠡᠢ | ᠪᠠᠶᠢᠬᠤ ᠶᠢ ᠪᠠᠳᠤᠯᠠᠵᠤ᠂ ᠳᠠᠯᠳᠠ ᠴᠢᠨᠠᠷ ᠲᠠᠢ ᠦᠷᠢ ᠦᠭᠴᠡᠭᠡ ᠶᠢᠨ ᠳᠠᠯ᠎ᠠ ᠪᠠᠷ ᠲᠦᠷᠢᠮ ᠵᠦᠷᠢᠴᠡᠨ ᠦᠷᠢ | ᠳᠠᠯᠪᠢᠬᠤ ᠶᠢ ᠡᠷᠡᠰ ᠵᠤᠭᠰᠤᠭᠠᠪᠠ᠃ ᠵᠠᠰᠠᠭ ᠤᠨ ᠤᠷᠳᠤᠨ ᠤ ᠦᠷᠢ ᠦᠭᠴᠡᠭᠡ ᠰᠢᠢᠤᠨᠪᠤᠷᠢᠯᠡᠬᠦ ᠬᠢᠨᠠᠯᠳᠠ | ᠬᠠᠮᠢᠶᠠᠷᠤᠯᠳᠠ ᠶᠢᠨ ᠤᠳᠤᠷᠢᠤᠨᠬᠤ ᠳᠤᠭᠤᠶᠢᠯᠠᠩ ᠤᠨ ᠠᠯᠪᠠᠨ ᠬᠡᠷ ᠪᠤᠯᠤᠨ 12 ᠳᠤᠰᠬᠠᠢ ᠠᠵᠢᠯ ᠤᠨ ᠳᠤᠭᠤᠶᠢᠯᠠᠩ | ᠪᠠᠶᠢᠭᠤᠯᠵᠤ᠂ 14 ᠳᠤᠰᠬᠠᠢ ᠠᠵᠢᠯᠳᠠᠨ ᠳᠤᠬᠢᠷᠠᠭᠤᠯᠤᠨ᠂ ᠦᠷᠢ ᠦᠭᠴᠡᠭᠡ ᠰᠢᠢᠤᠨᠪᠤᠷᠢᠯᠡᠬᠦ ᠶᠠᠪᠤᠴᠠ ᠳᠠᠷᠠᠭᠠᠯᠠᠯ | ᠪᠤᠯᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠳᠡᠬᠦᠯᠳᠡᠷᠵᠢᠬᠦᠯᠵᠤ᠂ ᠦᠷᠢ ᠦᠭᠴᠡᠭᠡ ᠰᠢᠢᠤᠨᠪᠤᠷᠢᠯᠡᠬᠦ ᠠᠵᠢᠯ | ᠢ ᠯᠠᠪᠳᠠᠭᠤᠨ ᠪᠠᠳᠤᠳᠠᠢ ᠠᠬᠢᠭᠤᠯᠪᠠ᠃ ᠵᠠᠰᠠᠭ ᠤᠨ ᠤᠷᠳᠤᠨ ᠤ ᠦᠭᠴᠡᠭᠡ ᠶᠢ ᠤᠷᠤᠯᠠᠭᠤᠯᠤᠨ ᠰᠤᠯᠢᠬᠤ | ᠬᠠᠮᠢᠶᠠᠷᠤᠯᠳᠠ ᠶᠢ ᠳᠤᠭᠳᠠᠭᠠᠯ ᠶᠤᠰᠤᠭᠠᠷ ᠴᠢᠩᠭᠠᠤᠨᠬᠠᠵᠤ᠂ ᠦᠭᠴᠡᠬᠡᠨ ᠳᠡᠮᠳᠡᠭᠳᠤ ᠪᠡᠯᠡ ᠮᠦᠩᠬᠦ ᠶᠢ 0.21 | ᠳ᠋ᠦᠩᠰᠢᠭᠤᠷ ᠲᠦᠬᠦᠷᠢᠭ᠂ ᠦᠭᠴᠡᠭᠡ ᠶᠢ ᠤᠷᠤᠯᠠᠭᠤᠯᠤᠨ ᠰᠤᠯᠢᠬᠤ ᠪᠡᠯᠡ ᠮᠦᠩᠬᠦ ᠶᠢ 5 ᠳ᠋ᠦᠩᠰᠢᠭᠤᠷ ᠲᠦᠬᠦᠷᠢᠭ | ᠤᠯᠵᠤ᠂ ᠤᠷᠤᠯᠠᠭᠤᠯᠤᠨ ᠰᠤᠯᠢᠭᠰᠡᠨ ᠨᠤᠷᠮ᠎ᠠ 56.8% ᠬᠦᠷᠪᠠ᠃ ᠪᠦᠬᠦ ᠬᠤᠰᠢᠭᠤᠨ ᠤ ᠵᠠᠰᠠᠭ ᠤᠨ ᠤᠷᠳᠤᠨ | ᠤ ᠦᠷᠢ ᠦᠭᠴᠡᠭᠡ ᠶᠢ ᠰᠢᠢᠤᠨᠪᠤᠷᠢᠯᠡᠬᠦ 3 ᠵᠢᠯ ᠤᠨ ᠲᠦᠯᠤᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ | ᠳᠤᠭᠳᠠᠭᠠᠵᠤ᠂ ︽ᠡᠳ᠋ ᠤᠨ ᠢᠷᠡᠯᠳᠠ ᠶᠢ ᠨᠡᠮᠡᠭᠳᠡᠬᠦᠯᠤᠨ ᠨᠢᠬᠡ ᠬᠡᠰᠡᠭ ᠢ ᠨᠢ ᠪᠤᠴᠠᠭᠠᠬᠤ᠂ ᠤᠯᠤᠰ ᠤᠨ | ᠦᠮᠴᠢᠯᠠᠯᠳᠤ ᠬᠦᠷᠤᠩᠬᠡ ᠪᠠᠷ ᠨᠢᠬᠡ ᠬᠡᠰᠡᠭ ᠢ ᠨᠢ ᠰᠢᠢᠤᠨᠪᠤᠷᠢᠯᠡᠬᠦ᠂ ᠬᠢᠨᠠᠨ ᠪᠤᠳᠤᠯᠳᠠ ᠪᠠᠷ ᠨᠢᠬᠡ ᠬᠡᠰᠡᠭ ᠢ ᠨᠢ | ᠬᠠᠰᠤᠬᠤ᠂ PPP ᠲᠦᠷᠤᠯ ᠵᠦᠢᠯ ᠢᠶᠠᠷ ᠨᠢᠬᠡ ᠬᠡᠰᠡᠭ ᠢ ᠨᠢ ᠰᠢᠯᠵᠢᠬᠦᠯᠬᠦ᠂ ᠪᠡᠯᠡ ᠬᠤᠷᠠᠮᠳᠤᠭᠤᠯᠬᠤ ᠳᠠᠪᠴᠠᠩ | ᠢᠶᠠᠷ ᠨᠢᠬᠡ ᠬᠡᠰᠡᠭ ᠢ ᠨᠢ ᠰᠠᠯᠭᠠᠨ ᠬᠤᠪᠢᠷᠠᠭᠤᠯᠬᠤ ᠳᠠᠪᠤᠨ ᠨᠢᠬᠡ ᠬᠡᠰᠡᠭ︾ ᠤᠨ ᠶᠡᠷᠤᠩᠬᠡᠢ ᠰᠡᠤᠨᠬᠢᠮᠵᠢ ᠶᠤᠰᠤᠭᠠᠷ | ᠤᠯᠠᠨ ᠠᠷᠭ᠎ᠠ ᠵᠠᠮ ᠢᠶᠠᠷ 9.53 ᠳ᠋ᠦᠩᠰᠢᠭᠤᠷ ᠲᠦᠬᠦᠷᠢᠭ ᠵᠠᠰᠠᠭ ᠤᠨ ᠤᠷᠳᠤᠨ ᠤ ᠦᠷᠢ ᠦᠭᠴᠡᠭᠡ ᠶᠢ | ᠰᠢᠢᠤᠨᠪᠤᠷᠢᠯᠡᠵᠤ᠂ ᠵᠢᠯ ᠤᠨ ᠬᠠᠷᠠᠯᠳᠠ ᠪᠠᠨ 1.23 ᠳ᠋ᠦᠩᠰᠢᠭᠤᠷ ᠲᠦᠬᠦᠷᠢᠭ ᠳᠠᠪᠠᠭᠤᠯᠤᠨ ᠪᠡᠶᠡᠯᠡᠬᠦᠯᠵᠤ᠂ ᠵᠠᠰᠠᠭ | ᠤᠨ ᠤᠷᠳᠤᠨ ᠤ ᠦᠷᠢ ᠦᠭᠴᠡᠬᠡᠨ ᠤ ᠲᠦᠭᠰᠢᠬᠦᠷᠢ ᠶᠢᠨ ᠬᠤᠷᠢᠭ᠎ᠠ ᠱᠤᠭᠤᠮ ᠢ ᠪᠠᠳᠤ ᠰᠠᠬᠢᠪᠠ᠃ | ︵ᠲᠦᠷᠪᠠ︶ ᠡᠳ᠋ ᠤᠨ ᠵᠠᠰᠠᠭ ᠭᠠᠶᠢᠯᠢ ᠶᠢᠨ ᠦᠭᠡᠷᠡᠴᠢᠯᠡᠯᠳᠠ ᠶᠢ ᠬᠦᠨᠵᠡᠬᠡᠶᠢᠷᠡᠬᠦᠯᠵᠤ᠂ ᠠᠵᠤ ᠠᠬᠤᠢ | ᠶᠢᠨ ᠬᠦᠭᠵᠢᠯᠳᠠ ᠶᠢ ᠳᠤᠬᠢᠷᠠᠭᠤᠯᠤᠨ ᠳᠡᠰᠵᠢᠬᠦᠯᠪᠠ᠃ ᠨᠢᠬᠡ ᠳᠤ ᠂ ︽ᠡᠵᠡᠩᠨᠡᠯᠳᠠ ᠶᠢᠨ ᠭᠠᠶᠢᠯᠢ ᠶᠢ ᠦᠷᠳᠡᠭ | ᠤᠨ ᠨᠡᠮᠡᠭᠳᠡᠯ ᠤᠨ ᠭᠠᠶᠢᠯᠢ ᠪᠤᠯᠭᠠᠨ ᠦᠬᠡᠷᠡᠴᠢᠯᠡᠬᠦ︾ ᠳᠤᠷᠰᠢᠯᠳᠠ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ | ᠭᠠᠶᠢᠯᠢ ᠳᠠᠳᠠᠪᠤᠷᠢᠯᠠᠯᠳᠠ᠂ ᠨᠠᠶᠢᠬᠡᠮ ᠤᠨ ᠪᠠᠳᠤᠯᠠᠭ᠎ᠠ ᠪᠠᠷ ᠭᠤᠤᠯ ᠠᠷᠭ᠎ᠠ ᠠᠪᠴᠠᠯ ᠪᠤᠯᠭᠠᠭᠰᠡᠨ ᠳᠠᠬᠢᠨ | ᠳᠤᠬᠢᠷᠠᠭᠤᠯᠬᠤ ᠳᠤᠭᠳᠠᠴᠠ ᠶᠢ ᠳᠡᠬᠦᠯᠳᠡᠷᠵᠢᠬᠦᠯᠤᠨ᠂ ᠪᠠᠭ᠎ᠠ ᠵᠢᠵᠢᠭ ᠠᠵᠤ ᠠᠬᠤᠶᠢᠯᠠᠯ ᠪᠤᠯᠤᠨ ᠤᠶᠢᠯᠡᠤᠨᠪᠤᠷᠢ | ᠬᠤᠳᠠᠯᠳᠤᠭᠠᠨ ᠤ ᠬᠤᠪᠢ ᠡᠷᠤᠬᠡ ᠶᠢᠨ ᠭᠠᠶᠢᠯᠢ ᠳᠠᠳᠠᠪᠤᠷᠢ ᠶᠢᠨ ᠡᠯ᠎ᠡ ᠲᠦᠷᠤᠯ ᠤᠨ ᠬᠠᠷᠠᠭᠠᠯᠵᠠᠯ ᠤᠨ ᠲᠦᠷᠤ ᠶᠢᠨ | ᠪᠤᠳᠤᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠲᠦᠷᠬᠡᠨ ᠬᠦᠭᠵᠢᠯᠳᠠ ᠶᠢ | ᠳᠡᠮᠵᠢᠪᠠ᠃ ᠬᠤᠶᠠᠷ ᠲᠤ᠂ PPP ᠵᠠᠭᠪᠤᠷ ᠢ ᠶᠡᠬᠡᠪᠡᠷ ᠲᠦᠬᠡᠮᠡᠯᠵᠢᠬᠦᠯᠤᠨ᠂ ᠬᠤᠪᠢ ᠶᠢᠨ ᠡᠵᠡᠩᠨᠡᠯᠳᠠ ᠶᠢᠨ ᠠᠵᠤ | ᠠᠬᠤᠶᠢᠯᠠᠯ᠂ ᠠᠷᠠᠤᠨ ᠤᠨ ᠡᠵᠡᠩᠨᠡᠯᠳᠠ ᠶᠢᠨ ᠬᠦᠷᠤᠩᠬᠡ ᠪᠤᠯᠤᠨ ᠵᠠᠰᠠᠭ ᠤᠨ ᠤᠷᠳᠤᠨ ᠤ ᠬᠠᠮᠳᠤᠷᠠᠯᠴᠠᠭ᠎ᠠ ᠶᠢ | ᠵᠤᠷᠢᠭᠵᠢᠭᠤᠯᠤᠨ᠂ ᠪᠦᠬᠦ ᠬᠤᠰᠢᠭᠤᠨ ᠤ ᠤᠯᠠᠨ ᠨᠠᠶᠢᠳᠠ ᠶᠢᠨ ᠰᠠᠭᠤᠷᠢ ᠪᠠᠶᠢᠭᠤᠯᠤᠯᠳᠠ ᠳᠤ ᠤᠷᠤᠯᠴᠠᠭᠤᠯᠵᠤ᠂ 5 | ᠲᠦᠷᠤᠯ ᠵᠦᠢᠯ ᠨᠢ ᠦᠪᠡᠷᠳᠡᠬᠡᠨ ᠵᠠᠰᠠᠬᠤ ᠤᠷᠤᠨ ᠤ PPP ᠵᠠᠭᠪᠤᠷ ᠤᠨ ᠲᠦᠷᠤᠯ ᠵᠦᠢᠯ ᠤᠨ ᠨᠦᠬᠡᠴᠠ | ᠬᠦᠮᠤᠷᠬᠡ ᠳᠤ ᠪᠠᠭᠳᠠᠨ᠂ ᠤᠯᠵᠠᠴᠢ ᠶᠢᠨ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ᠂ ᠪᠤᠷᠤᠪᠠᠯᠭᠠᠰᠤ ᠶᠢᠨ | ᠤᠨᠴᠠᠯᠢᠭᠳᠤ ᠪᠠᠯᠭᠠᠰᠤᠨ ᠤ ᠪᠠᠶᠢᠭᠤᠯᠤᠯᠳᠠ ᠡᠬᠢᠯᠡᠨ ᠬᠡᠷᠡᠭᠵᠢᠬᠦᠯᠦᠭᠳᠡᠵᠤ᠂ ᠬᠤᠯᠪᠤᠭᠳᠠᠬᠤ ᠪᠡᠯᠡ ᠮᠦᠩᠬᠦ 9.27 | ᠳ᠋ᠦᠩᠰᠢᠭᠤᠷ ᠲᠦᠬᠦᠷᠢᠭ ᠬᠦᠷᠴᠤ᠂ ᠨᠠᠶᠢᠬᠡᠮ ᠤᠨ ᠬᠦᠷᠤᠩᠬᠡ ᠶᠢ ᠪᠦᠳᠤᠮᠵᠢᠳᠠᠢ ᠠᠮᠢᠳᠤᠯᠢᠭᠵᠢᠭᠤᠯᠤᠨ᠂ ᠠᠵᠤ | ᠠᠬᠤᠢ ᠶᠢᠨ ᠨᠡᠮᠡᠭᠳᠡᠯ ᠤᠨ ᠰᠢᠨ᠎ᠠ ᠬᠦᠳᠡᠯᠬᠡᠭᠴᠢ ᠬᠦᠴᠤᠨ ᠢ ᠪᠤᠶᠢᠵᠢᠭᠤᠯᠪᠠ᠃ ᠭᠤᠷᠪᠠ ᠳᠤ᠂ ᠵᠠᠰᠠᠭ ᠤᠨ | ᠤᠷᠳᠤᠨ ᠤ ᠬᠤᠳᠠᠯᠳᠤᠨ ᠠᠪᠤᠯᠳᠠ ᠶᠢᠨ ᠳᠤᠳᠤᠭᠠᠳᠤ ᠡᠵᠡᠮᠰᠢᠯ ᠬᠠᠮᠢᠶᠠᠷᠤᠯᠳᠠ ᠶᠢ ᠴᠢᠩᠭᠠᠤᠨᠬᠠᠵᠤ᠂ ᠵᠠᠰᠠᠭ ᠤᠨ | ᠤᠷᠳᠤᠨ ᠤ ᠬᠤᠳᠠᠯᠳᠤᠨ ᠠᠪᠤᠯᠳᠠ ᠶᠢᠨ ᠦᠷ᠎ᠠ ᠠᠰᠢᠭ ᠢ ᠳᠡᠬᠡᠭᠰᠢᠯᠡᠬᠦᠯᠤᠨ᠂ ᠪᠦᠬᠦ ᠬᠤᠰᠢᠭᠤᠨ ᠤ ᠵᠠᠰᠠᠭ ᠤᠨ | ᠤᠷᠳᠤᠨ ᠤ ᠬᠤᠳᠠᠯᠳᠤᠨ ᠠᠪᠤᠯᠳᠠ ᠶᠢᠨ ᠬᠡᠪᠴᠢᠶᠡᠵᠢᠯ 4.28 ᠳ᠋ᠦᠩᠰᠢᠭᠤᠷ ᠲᠦᠬᠦᠷᠢᠭ ᠬᠦᠷᠴᠤ᠂ 3190 | ᠲᠦᠮᠡᠨ ᠲᠦᠬᠦᠷᠢᠭ ᠪᠡᠯᠡ ᠮᠦᠩᠬᠦ ᠠᠷᠪᠢᠯᠠᠵᠤ᠂ ᠠᠷᠪᠢᠯᠠᠯᠳᠠ ᠶᠢᠨ ᠨᠤᠷᠮ᠎ᠠ 7.1% ᠬᠦᠷᠪᠠ᠃ ᠲᠦᠷᠪᠠ ᠳᠤ᠂ | ᠵᠠᠰᠠᠭ ᠤᠨ ᠤᠷᠳᠤᠨ ᠠᠴᠠ ᠤᠶᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠳᠠᠢ ᠬᠡᠷᠡᠭᠵᠢᠬᠦᠯᠵᠤ᠂ ᠠᠷᠠᠤᠨ ᠤᠨ | ᠠᠮᠢᠳᠤᠷᠠᠯ ᠳᠤ ᠬᠤᠯᠪᠤᠭᠳᠠᠬᠤ ᠳᠤᠯᠠᠭᠠᠯᠠᠭ᠎ᠠ ᠲᠦᠪᠯᠡᠷᠡᠬᠦᠯᠤᠨ ᠬᠠᠩᠭᠠᠬᠤ᠂ ᠠᠳᠠᠯ ᠠᠬᠤᠢ ᠶᠢᠨ ᠬᠠᠮᠢᠶᠠᠷᠤᠯᠳᠠ᠂ | ᠴᠡᠴᠡᠷᠯᠢᠭᠵᠢᠬᠦᠯᠬᠡ᠂ ᠤᠷᠴᠢᠨ ᠳᠤᠭᠤᠷᠢᠨ ᠤ ᠠᠷᠢᠭᠤᠨ ᠴᠡᠪᠡᠷ ᠵᠡᠷᠬᠡ ᠨᠠᠶᠢᠳᠠ ᠶᠢᠨ ᠤᠶᠢᠯᠡᠰ ᠢ ᠵᠠᠰᠠᠭ ᠤᠨ | ᠤᠷᠳᠤᠨ ᠠᠴᠠ ᠤᠶᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠬᠡᠷᠡᠭᠵᠢᠬᠦᠯᠵᠤ᠂ ᠨᠠᠶᠢᠳᠠ ᠶᠢᠨ ᠤᠶᠢᠯᠡᠴᠢᠯᠡᠬᠡᠨ | ᠤ ᠲᠦᠪᠰᠢᠨ ᠪᠤᠯᠤᠨ ᠨᠠᠶᠢᠬᠡᠮ ᠤᠨ ᠵᠠᠰᠠᠯᠳᠠ ᠶᠢᠨ ᠴᠢᠳᠠᠪᠤᠷᠢ ᠶᠢ ᠪᠦᠳᠤᠮᠵᠢᠳᠠᠢ ᠳᠡᠬᠡᠭᠰᠢᠯᠡᠬᠦᠯᠪᠠ᠃ ᠪᠦᠬᠦ | ᠬᠤᠰᠢᠭᠤᠨ ᠳᠤ ᠵᠠᠰᠠᠭ ᠤᠨ ᠤᠷᠳᠤᠨ ᠠᠴᠠ ᠤᠶᠢᠯᠡᠴᠢᠯᠡᠭᠡ ᠬᠤᠳᠠᠯᠳᠤᠨ ᠠᠪᠬᠤ 13 ᠲᠦᠷᠤᠯ ᠵᠦᠢᠯ ᠢ | ᠬᠡᠷᠡᠭᠵᠢᠬᠦᠯᠵᠤ᠂ ᠡᠬᠦᠨ ᠳᠤ ᠦᠷᠬᠦᠯᠵᠢᠯᠡᠨ ᠪᠠᠶᠢᠭᠤᠯᠵᠤ ᠪᠠᠶᠢᠭ᠎ᠠ ᠲᠦᠷᠤᠯ ᠵᠦᠢᠯ 8᠂ ᠰᠢᠨ᠎ᠠ ᠪᠠᠶᠢᠭᠤᠯᠬᠤ | ᠲᠦᠷᠤᠯ ᠵᠦᠢᠯ 5 ᠪᠠᠶᠢᠵᠤ᠂ 10 ᠵᠠᠰᠠᠭ ᠵᠠᠬᠢᠷᠭ᠎ᠠ ᠠᠵᠢᠯ ᠤᠶᠢᠯᠡᠰ ᠤᠨ ᠨᠢᠬᠡᠴᠠ ᠲᠠᠢ ᠬᠤᠯᠪᠤᠭᠳᠠᠨ ᠶᠡᠷᠤᠩᠬᠡᠢ | ᠪᠡᠯᠡ ᠤᠷᠤᠭᠤᠯᠤᠯᠳᠠ 0.39 ᠳ᠋ᠦᠩᠰᠢᠭᠤᠷ ᠲᠦᠬᠦᠷᠢᠭ ᠬᠦᠷᠪᠠ᠃ | ︵ᠳᠠᠪᠤ︶ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠵᠤ᠂ ᠪᠡᠯᠡ ᠮᠦᠩᠬᠦᠨ ᠤ | ᠬᠡᠷᠡᠭᠯᠡᠯᠳᠠ ᠶᠢᠨ ᠦᠷ᠎ᠠ ᠠᠰᠢᠭ ᠢ ᠢᠯᠡᠳᠳᠡ ᠳᠡᠬᠡᠭᠰᠢᠯᠡᠬᠦᠯᠪᠠ᠃ ᠨᠢᠬᠡ ᠳᠤ᠂ ︽ᠭᠤᠷᠪᠠᠨ ᠠᠯᠪᠠᠨ︾ ᠤ ᠵᠠᠷᠤᠳᠠᠯ | ᠤᠨ ᠵᠠᠷᠤᠯᠭ᠎ᠠ ᠶᠢ ᠶᠡᠬᠡᠪᠡᠷ ᠪᠠᠭᠤᠷᠠᠭᠤᠯᠵᠤ᠂ ᠪᠦᠬᠦ ᠬᠤᠰᠢᠭᠤᠨ ᠤ ︽ᠭᠤᠷᠪᠠᠨ ᠠᠯᠪᠠᠨ︾ ᠤ ᠵᠠᠷᠤᠳᠠᠯ ᠤᠨ | ᠵᠠᠷᠤᠯᠭ᠎ᠠ ᠶᠢ 2522 ᠲᠦᠮᠡᠨ ᠲᠦᠬᠦᠷᠢᠭ ᠪᠤᠯᠭᠠᠵᠤ᠂ ᠠᠳᠠᠯᠢ ᠬᠤᠭᠤᠴᠠᠭᠠᠨ ᠤ ᠬᠢ ᠠᠴᠠ 125 ᠲᠦᠮᠡᠨ | ᠲᠦᠬᠦᠷᠢᠭ ᠪᠠᠭᠤᠷᠠᠭᠤᠯᠤᠨ 5% ᠲᠣᠷᠣᠭᠰᠢᠭᠤᠯᠣᠨ᠂ ᠡᠩ ᠤᠨ ᠠᠯᠪᠠᠨ ᠵᠠᠷᠤᠯᠭ᠎ᠠ ᠶᠢᠨ ︽ᠳᠡᠭ ᠦᠰᠤᠯᠳᠠ︾ | ᠶᠢ ᠪᠡᠶᠡᠯᠡᠬᠦᠯᠪᠠ᠃ ᠬᠤᠶᠠᠷ ᠲᠤ᠂ ᠲᠤᠰᠬᠠᠢ ᠲᠥᠷᠥᠯ ᠤᠨ ᠪᠡᠯᠡ ᠮᠥᠩᠭᠦ ᠤᠯᠭᠤᠬᠤ ᠭᠥᠴᠥᠯᠡᠴᠡ ᠪᠠᠨ | ᠨᠡᠮᠡᠭᠳᠡᠭᠦᠯᠵᠣ᠂ 2017 ᠣᠨ ᠳᠤ᠂ ᠲᠡᠭᠡᠳᠥ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ ᠶᠢ ᠨᠠᠶᠢᠳᠠ 24. | 67 ᠳ᠋ᠦᠩᠰᠢᠭᠤᠷ ᠲᠦᠬᠦᠷᠢᠭ ᠤᠯᠵᠤ ︵ᠡᠭᠦᠨ ᠳᠤ ᠦᠩᠭᠡᠷᠡᠭᠰᠡᠨ ᠵᠢᠯ ᠤᠨ ᠳ᠋ᠦᠩᠨᠡᠨ ᠰᠢᠯᠵᠢᠭᠦᠯᠦᠭᠰᠡᠨ | ᠳᠤᠰᠬᠠᠢ ᠲᠦᠷᠤᠯ ᠤᠨ ᠪᠡᠯᠡ ᠮᠦᠩᠬᠦ 10.14 ᠳ᠋ᠦᠩᠰᠢᠭᠤᠷ ᠲᠦᠬᠦᠷᠢᠭ︶᠂ 10.77 ᠳ᠋ᠦᠩᠰᠢᠭᠤᠷ ᠲᠦᠬᠦᠷᠢᠭ | ᠢ ᠤᠯᠭᠤᠨ ᠦᠭᠴᠤ᠂ ᠤᠯᠭᠤᠯᠳᠠ ᠶᠢᠨ ᠨᠤᠷᠮ᠎ᠠ 43.66% ᠬᠦᠷᠪᠠ᠃ ᠭᠤᠷᠪᠠ ᠳᠤ᠂ ᠵᠠᠰᠠᠭ ᠤᠨ ᠣᠷᠳᠣᠨ ᠤ | ᠪᠡᠯᠡ ᠣᠷᠣᠭᠤᠯᠣᠯᠳᠠ ᠶᠢᠨ ᠲᠦᠷᠦᠯ ᠵᠣᠶᠢᠯ ᠳᠤ ᠬᠦᠷᠦᠩᠭᠡ ᠶᠢᠨ ᠪᠠᠶᠢᠴᠠᠭᠠᠯᠳᠠ ᠲᠠᠩᠰᠠᠯᠠᠯᠳᠠ ᠬᠢᠵᠣ᠂ ᠮᠠᠨ ᠤ | ᠬᠤᠰᠢᠭᠤᠨ ᠤ ᠣᠯᠣᠰ ᠤᠨ ᠦᠮᠴᠢᠯᠠᠯᠳᠦ ᠡᠳ᠋ ᠬᠦᠷᠦᠩᠬᠡ ᠶᠢᠨ ᠮᠡᠳᠡᠭᠡ ᠵᠠᠩᠬᠢᠴᠢᠯᠠᠯᠳᠠ ᠶᠢᠨ ᠬᠠᠮᠢᠶᠠᠷᠣᠯᠳᠠ ᠶᠢᠨ | ᠲᠦᠪᠰᠢᠨ ᠲᠡᠭᠡᠭᠰᠢᠯᠡᠵᠣ᠂ ᠣᠯᠣᠰ ᠤᠨ ᠦᠮᠴᠢᠯᠠᠯᠳᠦ ᠡᠳ᠋ ᠬᠦᠷᠦᠩᠬᠡ ᠶᠢᠨ ᠠᠮᠣᠷ ᠲᠦᠪᠰᠢᠨ᠂ ᠦᠷᠳᠡᠭ ᠤᠨ | ᠨᠡᠮᠡᠭᠳᠡᠯ ᠢ ᠪᠠᠳᠣᠯᠠᠪᠠ᠃ᠲᠦᠷᠪᠡ ᠳᠤ᠂ ᠨᠢᠭᠳᠠᠯᠠᠨ ᠪᠣᠳᠣᠯᠳᠠ ᠶᠢᠨ ᠮᠡᠳᠡᠭᠡ ᠵᠠᠩᠬᠢ ᠶᠢᠨ ᠴᠢᠨᠠᠷ᠂ ︽ᠭᠤᠷᠪᠠᠨ | ᠠᠯᠪᠠᠨ︾ ᠤ ᠵᠠᠷᠣᠳᠠᠯ᠂ ᠲᠦᠰᠦᠪ ᠪᠠ ᠲᠦᠰᠦᠪ ᠭᠦᠢᠴᠡᠳᠭᠡᠯ ᠢ ᠢᠯᠡᠰᠢᠭᠦᠯᠬᠦ ᠬᠤᠯᠪᠣᠭᠳᠠᠯ ᠪᠦᠬᠦᠢ ᠬᠢᠨᠠᠯᠳᠠ | ᠪᠠᠶᠢᠴᠠᠭᠠᠯᠳᠠ ᠶᠢ ᠪᠦᠬᠦ ᠲᠠᠯ᠎ᠠ ᠪᠠᠷ ᠦᠷᠨᠢᠭᠦᠯᠵᠣ᠂ ᠡᠳ᠋ ᠤᠨ ᠵᠠᠰᠠᠭ ᠤᠨ ᠪᠡᠯᠡ ᠮᠦᠩᠭᠦᠨ ᠤ ᠬᠡᠷᠡᠭᠯᠡᠯᠳᠡ ᠶᠢᠨ | ᠶᠠᠪᠣᠴᠠ ᠳᠠᠬᠢ ᠲᠦᠷᠢᠮ ᠲᠣᠭᠳᠠᠭᠠᠯ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠡᠭᠦᠨ | ᠤ ᠬᠠᠮᠳᠦ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠ ᠲᠣᠳᠣᠭᠠᠳᠦ ᠬᠡᠷᠡᠭᠴᠡᠭᠡ ᠶᠢ ᠦᠷᠭᠡᠳᠬᠡᠬᠦ ᠵᠡᠷᠭᠡ ᠡᠳ᠋ | ᠤᠨ ᠵᠠᠰᠠᠭ ᠤᠨ ᠲᠣᠰᠬᠠᠢ ᠪᠡᠯᠡ ᠮᠦᠩᠭᠦᠨ ᠤ ᠬᠢᠨᠠᠨ ᠬᠠᠮᠢᠶᠠᠷᠣᠯᠳᠠ ᠶᠢ ᠤᠯᠠᠮ ᠴᠢᠩᠭᠠᠳᠬᠠᠨ᠂ ᠡᠳ᠋ ᠤᠨ ᠵᠠᠰᠠᠭ | ᠤᠨ ᠪᠡᠯᠡ ᠮᠦᠩᠭᠦᠨ ᠤ ᠬᠡᠷᠡᠭᠯᠡᠯᠳᠡ ᠶᠢᠨ ᠪᠦᠳᠦᠮᠵᠢ ᠶᠢ ᠲᠡᠭᠡᠭᠰᠢᠯᠡᠭᠦᠯᠪᠡ᠃ ᠳᠠᠪᠤ ᠳᠤ᠂ ︽ᠬᠠᠷᠢᠭᠤᠴᠠᠯᠭ᠎ᠠ | ᠳᠤᠳᠤ᠂ ᠪᠦᠳᠤᠴᠠ ᠵᠤᠬᠢᠮᠵᠢᠳᠠᠢ᠂ ᠠᠵᠢᠯᠯᠠᠭ᠎ᠠ ᠪᠠᠳᠤᠯᠠᠭᠠᠳᠠᠢ᠂ ᠳᠤᠭᠳᠠᠴᠠ ᠪᠦᠳᠤᠮᠵᠢᠳᠠᠢ︾ ᠪᠠᠶᠢᠬᠤ ᠵᠠᠷᠴᠢᠮ | ᠶᠤᠰᠤᠭᠠᠷ᠂ ᠲᠦᠰᠤᠪ ᠳᠤᠭᠳᠠᠭᠠᠯᠳᠠ᠂ ᠲᠦᠰᠤᠪ ᠬᠦᠢᠴᠡᠤᠨᠬᠡᠯᠳᠠ ᠪᠤᠯᠤᠨ ᠪᠠᠶᠢᠭᠤᠯᠭ᠎ᠠ ᠶᠢᠨ ᠠᠵᠢᠯ ᠳᠤᠮᠳᠠᠬᠢ | ᠳᠠᠯᠳᠠ ᠲᠦᠭᠰᠢᠬᠦᠷᠢ ᠶᠢ ᠪᠠᠶᠢᠴᠠᠭᠠᠨ ᠴᠡᠭᠴᠡᠯᠡᠵᠤ᠂ ᠳᠤᠳᠤᠭᠠᠳᠤ ᠡᠵᠡᠮᠰᠢᠯ ᠢ ᠲᠦᠷᠢᠮᠵᠢᠭᠦᠯᠵᠣ᠂ ᠡᠳ᠋ ᠤᠨ ᠵᠠᠰᠠᠭ | ᠤᠨ ᠳᠤᠳᠤᠭᠠᠳᠤ ᠬᠠᠮᠢᠶᠠᠷᠤᠯᠳᠠ ᠶᠢᠨ ᠴᠢᠳᠠᠪᠬᠢ ᠶᠢ ᠲᠡᠭᠡᠭᠰᠢᠯᠡᠭᠦᠯᠪᠡ᠃ | ᠲᠦᠯᠤᠬᠡᠯᠡᠭᠴᠢᠤᠨ ᠡ᠂ ᠪᠢᠳᠠ ᠠᠮᠵᠢᠯᠳᠠ ᠪᠠᠨ ᠨᠣᠳᠠᠯᠠᠬᠤ ᠶᠢᠨ ᠬᠠᠮᠳᠦ ᠣᠳᠣᠬᠠᠨ ᠤ ᠡᠳ᠋ ᠤᠨ ᠵᠠᠰᠠᠭ | ᠤᠨ ᠡᠷᠬᠢᠯᠳᠡ ᠲᠣᠮᠳᠠ ᠪᠠᠰᠠ ᠨᠢᠭᠡ ᠪᠦᠯᠦᠭ ᠣᠮᠳᠣᠭᠠᠶᠢᠯᠠᠵᠣ ᠪᠣᠯᠣᠰᠢ ᠦᠭᠡᠢ ᠬᠦᠴᠢᠷᠳᠡᠯ ᠪᠠ ᠠᠰᠠᠭᠤᠳᠠᠯ | ᠣᠷᠣᠰᠢᠵᠣ ᠪᠠᠶᠢᠬᠤ ᠶᠢ ᠭᠦᠨᠵᠡᠭᠡᠢ ᠲᠠᠨᠢᠬᠤ ᠬᠡᠷᠡᠭᠳᠡᠢ᠃ ᠭᠤᠣᠯᠳᠠᠭᠤ᠄ ᠣᠯᠣᠰ ᠤᠨ ᠪᠦᠳᠦᠴᠡ ᠶᠢᠨ ᠴᠢᠨᠠᠷᠳᠠᠢ | ᠭᠠᠶᠢᠯᠢ ᠵᠠᠷᠣᠳᠠᠯ ᠢ ᠪᠠᠭᠠᠰᠬᠠᠬᠤ ᠲᠦᠷᠦ ᠶᠢᠨ ᠪᠣᠳᠣᠯᠭ᠎ᠠ ᠪᠣᠯᠣᠨ ᠨᠡᠭᠦᠷᠡᠰᠣᠨ ᠤ ᠵᠠᠬ᠎ᠠ ᠲᠠᠯᠭᠡᠭᠦᠷ ᠤᠨ | ᠲᠣᠭᠳᠠᠪᠦᠷᠢᠳᠦ ᠪᠣᠰᠣ ᠨᠦᠯᠦᠭᠡᠯᠡᠯ ᠠᠴᠠ ᠪᠣᠯᠵᠣ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠳᠠᠭᠤᠨ ᠨᠡᠮᠡᠭᠳᠡᠯ | ᠤᠨ ᠲᠠᠷᠣᠯᠳᠠ ᠮᠦᠨ ᠯᠡ ᠨᠡᠯᠢᠶᠡᠳ ᠶᠡᠭᠡ ᠪᠠᠶᠢᠭᠰᠠᠭᠠᠷ︔ ᠡᠳ᠋ ᠤᠨ ᠵᠠᠰᠠᠭ ᠤᠨ ᠵᠠᠷᠣᠯᠭ᠎ᠠ ᠶᠢᠨ ᠬᠠᠮᠢᠶᠠᠷᠣᠯᠳᠠ | ᠡᠳᠦᠷ ᠢᠷᠡᠭᠦᠶ᠎ᠡ ᠴᠢᠩᠭᠠᠳᠴᠦ᠂ ᠲᠦᠰᠦᠪ ᠤᠨ ᠲᠡᠩᠴᠡᠭᠦᠷᠢ ᠶᠢᠨ ᠬᠦᠴᠢᠷᠳᠡᠯ ᠶᠡᠬᠡᠰᠴᠦ ᠪᠣᠢ︔ ᠵᠠᠰᠠᠭ ᠤᠨ | ᠣᠷᠳᠣᠨ ᠤ ᠴᠢᠨᠠᠷᠳᠠᠢ ᠦᠷᠢ ᠦᠭᠴᠡᠭᠡᠨ ᠤ ᠲᠠᠷᠣᠭᠠᠰᠦ ᠨᠡᠯᠢᠶᠡᠳ ᠶᠡᠭᠡ᠂ ᠲᠦᠭᠰᠢᠭᠦᠷᠢ ᠶᠢ ᠰᠡᠷᠭᠡᠶᠢᠯᠡᠨ | ᠰᠢᠢᠳᠪᠦᠷᠢᠯᠡᠬᠦ ᠡᠭᠦᠷᠭᠡ ᠬᠦᠨᠳᠦ ᠪᠡᠷᠭᠡ ᠪᠣᠢ︔ ᠡᠳ᠋ ᠤᠨ ᠵᠠᠰᠠᠭ ᠤᠨ ᠰᠠᠯᠠᠭ᠎ᠠ ᠮᠦᠴᠢᠷ ᠲᠣᠰ ᠪᠡᠶ᠎ᠡ ᠶᠢᠨ | ᠪᠠᠶᠢᠭᠤᠯᠣᠯᠳᠠ ᠪᠠᠨ ᠣᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠪᠣᠢ᠃ ᠪᠢᠳᠠ ᠡᠳᠡᠭᠡᠷ ᠠᠰᠠᠭᠤᠳᠠᠯ ᠢ | ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠡᠷᠴᠢᠮ ᠲᠠᠢ ᠠᠷᠭ᠎ᠠ ᠬᠡᠮᠵᠢᠶ᠎ᠡ ᠠᠪᠴᠦ᠂ ᠰᠣᠳᠣᠯᠣᠨ ᠰᠢᠢᠳᠪᠦᠷᠢᠯᠡᠬᠦ ᠪᠠᠷ | ᠴᠢᠷᠮᠠᠶᠢᠨ᠎ᠠ᠃ | ᠬᠤᠶᠠᠷ᠂ 2018 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ︵ᠨᠢᠬᠡ︶ 2018 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ | ᠥᠵᠡᠯ ᠰᠠᠨᠠᠭ᠎ᠠ | ᠰᠢᠨ᠎ᠡ ᠬᠦᠭᠵᠢᠯᠳᠡ ᠶᠢᠨ ᠦᠵᠡᠯᠳᠡ᠂ ᠴᠢᠨᠠᠷᠯᠢᠭ ᠬᠦᠭᠵᠢᠯᠳᠡ ᠶᠢᠨ ᠱᠠᠭᠠᠷᠳᠠᠯᠭ᠎ᠠ ᠪᠣᠯᠣᠨ ᠲᠣᠭᠳᠠᠭᠤᠨ | ᠢᠶᠠᠷ ᠠᠬᠢᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠷᠢᠮᠳᠠᠯᠠᠨ᠂ ᠣᠷᠣᠯᠭ᠎ᠠ ᠵᠠᠷᠣᠯᠭ᠎ᠠ ᠶᠢᠨ ᠪᠦᠳᠦᠴᠠ | ᠪᠣᠯᠣᠨ ᠴᠢᠨᠠᠷ ᠢ ᠰᠢᠯᠢᠳᠡᠭᠵᠢᠭᠦᠯᠵᠣ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠬᠠᠮᠢᠶᠠᠷᠣᠯᠳᠠ ᠶᠢ ᠪᠦᠬᠦ | ᠲᠠᠯ᠎ᠠ ᠪᠠᠷ ᠴᠢᠩᠭᠠᠳᠬᠠᠨ᠎ᠠ︔ ᠵᠠᠰᠠᠭ ᠤᠨ ᠣᠷᠳᠣᠨ ᠤ ᠦᠷᠢ ᠦᠭᠴᠡᠭᠡᠨ ᠤ ᠰᠢᠢᠳᠪᠦᠷᠢᠯᠡᠯᠳᠡ ᠪᠣᠯᠣᠨ | ᠬᠠᠮᠢᠶᠠᠷᠣᠯᠳᠠ ᠶᠢ ᠴᠢᠩᠭᠠᠳᠬᠠᠵᠣ᠂ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠦᠭᠰᠢᠭᠦᠷᠢ ᠶᠢ ᠪᠦᠬᠦ ᠲᠠᠯᠠᠪᠡᠷ | ᠬᠢᠨᠠᠨ ᠡᠵᠡᠮᠳᠡᠨ᠎ᠡ︔ ᠲᠦᠰᠦᠪ ᠤᠨ ᠪᠦᠳᠦᠮᠵᠢ ᠶᠢᠨ ᠬᠠᠮᠢᠶᠠᠷᠤᠯᠳᠠ ᠪᠣᠯᠣᠨ ᠬᠠᠣᠯᠢ ᠶᠣᠰᠣᠭᠠᠷ ᠡᠳ᠋ ᠠᠬᠤᠶᠢᠯᠠᠠᠬᠤ | ᠶᠢ ᠠᠬᠢᠭᠤᠯᠵᠣ᠂ ᠡᠳ᠋ ᠤᠨ ᠵᠠᠰᠠᠭ ᠤᠨ ᠦᠭᠡᠷᠡᠴᠢᠯᠡᠯᠳᠡ ᠰᠢᠨᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠠ | ︔ ᠭᠤᠤᠯ ᠴᠤᠭᠴᠠ ᠶᠢᠨ ᠬᠠᠷᠢᠭᠤᠴᠠᠯᠭ᠎ᠠ ᠨᠠᠶᠢᠳᠠᠪᠤᠷᠢᠵᠢᠭᠤᠯᠤᠯᠳᠠ ᠪᠤᠯᠤᠨ ᠬᠡᠪ ᠰᠤᠷᠳᠠᠯ ᠤᠨ ᠴᠡᠭᠴᠡᠯᠡᠯᠳᠠ ᠶᠢ | ᠰᠠᠶᠢᠳᠤᠷ ᠠᠤᠨᠬᠤᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠪᠤᠯᠤᠨ ᠨᠠᠮ ᠤᠨ ᠰᠤᠷᠳᠠᠯ ᠴᠢᠬᠡᠴᠢ ᠵᠠᠰᠠᠭ | ᠤᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠤᠨᠬᠠᠵᠤ᠂ ᠠᠷᠠᠤᠨ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ | ︽ᠭᠤᠷᠪᠠᠨ ᠶᠡᠭᠡ ᠰᠢᠪᠳᠤᠯᠤᠯᠳᠠ︾ ᠶᠢ ᠪᠦᠬᠦ ᠬᠦᠴᠤᠨ ᠢᠶᠠᠷ ᠳᠡᠮᠵᠢᠨ᠂ ᠠᠵᠤ ᠠᠮᠢᠳᠤᠷᠠᠯ ᠴᠢᠨᠡᠬᠡᠯᠢᠩ᠂ ᠤᠶᠤᠨ | ᠰᠠᠨᠠᠭ᠎ᠠ ᠪᠤᠯᠪᠠᠰᠤᠨ᠂ ᠠᠮᠢ ᠠᠬᠤᠢ ᠵᠤᠬᠢᠴᠠᠯᠳᠠᠢ᠂ ᠡᠮᠬᠢ ᠵᠢᠷᠤᠮ ᠰᠠᠶᠢᠨ᠂ ᠬᠡᠪ ᠰᠤᠷᠳᠠᠯ ᠲᠦᠪ ᠦᠵᠡᠰᠬᠦᠯᠡᠩᠳᠤ | ᠰᠠᠶᠢᠬᠠᠨ ᠡᠮᠤᠨᠡᠳᠤ ᠤᠳᠤᠭ ᠤᠨ ᠪᠠᠶᠢᠭᠤᠯᠤᠯᠳᠠ ᠳᠤ ᠢᠳᠡᠪᠬᠢᠳᠠᠢ ᠡᠳ᠋ ᠤᠨ ᠬᠦᠴᠤᠨ ᠤ ᠪᠠᠳᠤᠯᠠᠭ᠎ᠠ ᠬᠠᠩᠭᠠᠨ᠎ᠠ᠃ | ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠳᠠᠢ | ᠨᠢᠬᠡ ᠳᠤ᠂ ᠢᠳᠡᠪᠬᠢᠳᠠᠢ ᠯᠠᠪᠳᠠᠭᠤᠨ ᠢᠶᠠᠷ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ ᠤᠷᠤᠯᠭ᠎ᠠ | ᠶᠢᠨ ᠲᠦᠰᠤᠪ ᠢ ᠪᠦᠬᠦ ᠬᠤᠰᠢᠭᠤᠨ ᠤ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ᠂ ᠳᠤᠭᠳᠠᠮᠠᠯ | ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠭᠤᠤᠯ ᠬᠦᠭᠵᠢᠯᠳᠠ ᠶᠢᠨ ᠵᠢᠱᠢᠭᠰᠡᠨ ᠬᠠᠷᠠᠯᠳᠠ | ᠲᠠᠢ ᠵᠤᠬᠢᠴᠠᠭᠤᠯᠵᠤ᠂ ᠤᠯᠤᠰ ᠤᠨ ᠭᠠᠶᠢᠯᠢ ᠶᠢᠨ ᠲᠦᠷᠢᠮ ᠤᠨ ᠦᠬᠡᠷᠡᠴᠢᠯᠠᠯᠳᠠ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ᠂ ᠠᠵᠢᠯ ᠤᠶᠢᠯᠡᠰ᠂ ᠭᠠᠶᠢᠯᠢ ᠶᠢᠨ ᠲᠦᠷᠤᠯ ᠢ ᠦᠨᠳᠤᠰᠤᠯᠠᠨ ᠤᠷᠤᠯᠭ᠎ᠠ ᠪᠠ ᠡᠳ᠋ ᠤᠨ ᠬᠦᠴᠤᠨ | ᠢ ᠪᠤᠳᠠᠳᠠᠢ ᠲᠦᠰᠤᠪᠯᠡᠨᠠ᠃ ᠵᠠᠷᠤᠯᠭ᠎ᠠ ᠶᠢᠨ ᠲᠦᠰᠤᠪ ᠪᠠ ᠤᠷᠤᠯᠭ᠎ᠠ ᠶᠢᠨ ᠲᠦᠰᠤᠪ ᠢ ᠬᠠᠷᠢᠯᠴᠠᠨ | ᠬᠠᠷᠠᠭᠠᠯᠵᠠᠭᠤᠯᠵᠤ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ | ᠬᠤᠶᠠᠷ ᠲᠤ᠂ ᠠᠷᠪᠢᠯᠠᠨ ᠭᠠᠮᠨᠠᠵᠣ᠂ ᠭᠤᠤᠯᠳᠠᠯᠭ᠎ᠠ ᠶᠢ ᠲᠣᠪᠣᠶᠢᠯᠭᠠᠨ᠎ᠠ᠃ ︽ᠴᠠᠯᠢᠩ ᠢ ᠪᠠᠳᠣᠯᠠᠬᠤ᠂ | ᠡᠷᠬᠢᠯᠳᠠ ᠶᠢ ᠪᠠᠳᠣᠯᠠᠬᠤ᠂ ᠦᠨᠳᠦᠰᠦᠨ ᠠᠷᠠᠳ ᠤᠨ ᠠᠮᠢᠳᠣᠷᠠᠯ ᠢ ᠪᠠᠳᠣᠯᠠᠬᠤ ︾ ᠶᠢ ᠳᠤᠪᠤᠶᠢᠯᠭᠠᠨ᠂ ︽ᠭᠤᠷᠪᠠᠨ | ᠠᠯᠪᠠᠨ︾ ᠤ ᠵᠠᠷᠣᠳᠠᠯ᠂ ᠵᠠᠰᠠᠭ ᠵᠠᠬᠢᠷᠭᠠᠨ ᠤ ᠡᠷᠬᠢᠯᠳᠠ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ | ᠰᠠᠭᠤᠷᠢ ᠪᠠᠶᠢᠭᠤᠯᠣᠯᠳᠠ ᠵᠡᠷᠭᠡ ᠶᠢᠨ ᠡᠩ ᠤᠨ ᠵᠠᠷᠣᠯᠭ᠎ᠠ ᠶᠢ ᠡᠷᠴᠢᠮᠳᠠᠢ ᠪᠠᠭᠠᠰᠬᠠᠵᠣ᠂ ︽ᠭᠤᠷᠪᠠᠨ ᠶᠡᠭᠡ | ᠰᠢᠪᠳᠤᠯᠤᠯᠳᠠ︾᠂ ᠬᠦᠳᠡᠭᠡ ᠨᠤᠳᠤᠭ ᠢ ᠬᠦᠴᠤᠷᠬᠡᠭᠵᠢᠬᠦᠯᠬᠦ ᠵᠡᠷᠬᠡ ᠴᠢᠬᠤᠯᠠ ᠶᠡᠭᠡ ᠰᠢᠢᠤᠨᠪᠤᠷᠢ | ᠪᠠᠶᠢᠷᠢᠯᠠᠭᠤᠯᠤᠯᠳᠠ ᠶᠢ ᠭᠤᠤᠯᠳᠠᠯᠭ᠎ᠠ ᠲᠠᠢ ᠪᠠᠳᠤᠯᠠᠨ᠎ᠠ᠃ | ᠭᠤᠷᠪᠠ ᠳᠤ᠂ ᠰᠠᠬᠢᠯᠭ᠎ᠠ ᠪᠠᠳᠣ ᠶᠢ ᠴᠢᠩᠳᠡᠯᠡᠵᠤ᠂ ᠦᠷ᠎ᠡ ᠠᠰᠢᠭ ᠢ ᠲᠡᠭᠡᠭᠰᠢᠯᠡᠭᠦᠯᠦᠨ᠎ᠠ᠃ ᠡᠳ᠋ ᠤᠨ | ᠵᠠᠰᠠᠭ ᠠᠵᠣ ᠠᠬᠤᠢ ᠶᠢᠨ ᠰᠠᠬᠢᠯᠭ᠎ᠠ ᠶᠢ ᠣᠯᠠᠮ ᠴᠢᠩᠳᠡᠯᠡᠵᠤ᠂ ᠡᠳ᠋ ᠤᠨ ᠵᠠᠰᠠᠭ ᠤᠨ ᠲᠦᠰᠦᠪ ᠪᠠ ᠭᠦᠢᠴᠡᠳᠬᠡᠯ᠂ | ᠡᠯ᠎ᠡ ᠰᠠᠯᠠᠭ᠎ᠠ ᠮᠦᠴᠢᠷ ᠤᠨ ᠲᠦᠰᠦᠪ ᠪᠠ ᠭᠦᠢᠴᠡᠳᠬᠡᠯ᠂ ︽ᠭᠤᠷᠪᠠᠨ ᠠᠯᠪᠠᠨ︾ ᠤ ᠵᠠᠷᠣᠳᠠᠯ ᠤᠨ ᠲᠦᠰᠦᠪ ᠪᠠ | ᠭᠦᠢᠴᠡᠳᠬᠡᠯ ᠢ ᠬᠠᠤᠯᠢ ᠲᠣᠭᠳᠠᠭᠠᠯ ᠶᠣᠰᠣᠭᠠᠷ ᠴᠠᠭ ᠲᠣᠬᠠᠢ ᠳᠤ ᠨᠢ ᠢᠯᠡᠰᠢᠭᠦᠯᠦᠨᠡ᠃ ᠡᠳ᠋ ᠤᠨ ᠵᠠᠰᠠᠭ ᠤᠨ | ᠪᠡᠯᠡ ᠮᠦᠩᠭᠦ ᠶᠢᠨ ᠨᠢᠭᠡᠳᠦᠯᠳᠡᠢ ᠲᠦᠯᠦᠪᠵᠢᠭᠦᠯᠦᠭᠰᠡᠨ ᠬᠡᠷᠡᠭᠯᠡᠯᠳᠠ ᠶᠢ ᠠᠬᠢᠭᠤᠯᠵᠣ᠂ ᠡᠳ᠋ ᠤᠨ ᠵᠠᠰᠠᠭ ᠤᠨ | ᠬᠠᠳᠠᠭᠠᠯᠠᠯᠳᠠ ᠪᠡᠯᠡ ᠮᠦᠩᠭᠦ ᠶᠢ ᠠᠮᠢᠳᠣᠯᠢᠭᠵᠢᠭᠤᠯᠵᠣ᠂ ᠡᠳ᠋ ᠤᠨ ᠵᠠᠰᠠᠭ ᠤᠨ ᠬᠠᠮᠢᠶᠠᠷᠣᠯᠳᠠ ᠶᠢᠨ ᠦᠷ᠎ᠡ | ᠪᠦᠳᠦᠮᠵᠢ ᠶᠢᠨ ᠶᠡᠷᠦᠩᠬᠡᠶᠢᠯᠡᠭᠰᠡᠨ ᠦᠨᠡᠯᠡᠯᠳᠠ ᠶᠢ ᠬᠡᠷᠡᠭᠵᠢᠭᠦᠯᠵᠣ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ | ᠠᠰᠢᠭ ᠢ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ | ︵ᠭᠤᠷᠪᠠ︶ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠡᠩ ᠤᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ | 2018 ᠣᠨ ᠳᠤ ᠮᠠᠨ ᠤ ᠬᠤᠰᠢᠭᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ | ᠲᠦᠰᠤᠪ ᠢ 29.63 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠡᠬᠦᠨ ᠳᠤ᠄ ᠳᠤᠰ ᠱᠠᠳᠤᠨ | ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ 8.5 ᠳ᠋ᠦᠩᠰᠢᠭᠤᠷ ᠲᠦᠬᠦᠷᠢᠭ ︵ᠱᠠᠩᠬᠠᠢ ᠶᠢᠨ | ᠰᠦᠮ᠎ᠠ ᠨᠡᠬᠡᠬᠡᠯᠳᠠ ᠶᠢᠨ ᠤᠷᠤᠨ ᠤ 0.8 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠪᠠᠭᠳᠠᠭᠠᠨ᠎ᠠ︶᠂ ᠠᠳᠠᠯᠢ | ᠬᠤᠭᠤᠴᠠᠭᠠᠨ ᠤ ᠬᠢ ᠠᠴᠠ 6.12% ᠦᠰᠬᠡᠨ᠎ᠠ︔ ᠳᠡᠬᠡᠳᠤ ᠱᠠᠳᠤᠨ ᠠᠴᠠ ᠰᠢᠯᠵᠢᠬᠦᠯᠤᠨ ᠤᠯᠭᠤᠬᠤ ᠤᠷᠤᠯᠭ᠎ᠠ | 17.79 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 7.62% ᠦᠰᠬᠡᠨ᠎ᠠ︔ ᠳᠡᠬᠡᠷ᠎ᠠ ᠵᠢᠯ | ᠤᠨ ᠦᠯᠡᠳᠡᠪᠤᠷᠢ ︵ᠳᠡᠬᠡᠳᠤ ᠱᠠᠳᠤᠨ ᠤ ᠳᠤᠰᠬᠠᠢ ᠲᠦᠷᠤᠯ ᠢ ᠪᠠᠭᠳᠠᠭᠠᠨ᠎ᠠ︶ 3.34 ᠳ᠋ᠦᠩᠰᠢᠭᠤᠷ ᠲᠦᠬᠦᠷᠢᠭ ︵ | ᠱᠠᠩᠬᠠᠢ ᠶᠢᠨ ᠰᠦᠮ᠎ᠠ ᠨᠠᠬᠡᠬᠡᠯᠳᠠ ᠶᠢᠨ ᠤᠷᠤᠨ ᠤ 0.01 ᠳ᠋ᠦᠩᠰᠢᠭᠤᠷ ᠲᠦᠬᠦᠷᠢᠭ ᠢ ᠪᠠᠭᠳᠠᠭᠠᠨ᠎ᠠ︶᠃ | 2. ᠡᠩ ᠤᠨ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ ᠪᠤᠳᠠᠳᠤ | ᠬᠡᠷᠡᠭᠴᠡᠭᠡ ᠲᠠᠢ ᠤᠶᠠᠯᠳᠤᠭᠤᠯᠪᠠᠯ᠂ 2018 ᠤᠨ ᠤ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ | ᠲᠦᠰᠤᠪ ᠢ 29.51 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ | 15.09% ᠨᠡᠮᠡᠭᠳᠡᠬᠦᠯᠤᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.7 ᠳ᠋ᠦᠩᠰᠢᠭᠤᠷ ᠲᠦᠬᠦᠷᠢᠭ | ᠤᠨ ᠵᠠᠷᠤᠯᠭ᠎ᠠ ᠶᠢ ᠪᠠᠭᠳᠠᠭᠠᠨ᠎ᠠ︶᠃ | ⑴ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ | 6.9 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ | ᠶᠢᠨ ᠲᠦᠰᠤᠪ ᠤᠨ 23.38%ᠡᠵᠡᠯᠡᠭᠦᠯᠦᠨ᠎ᠡ︔ ᠠᠯᠪᠠᠨ ᠬᠡᠷᠡᠭᠯᠡᠬᠡᠨ ᠤ ᠪᠠ ᠠᠵᠢᠯ ᠥᠢᠯᠡᠰ ᠤᠨ ᠵᠠᠷᠤᠳᠠᠯ ᠤᠨ | ᠵᠠᠷᠤᠯᠭ᠎ᠠ ᠶᠢᠨ ᠲᠦᠰᠤᠪ ᠢ 1.32 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 4.47% ᠡᠵᠡᠯᠡᠭᠦᠯᠦᠨ᠎ᠡ︔ ᠲᠦᠷᠤᠯ ᠵᠦᠢᠯ ᠤᠨ ᠵᠠᠷᠤᠯᠭ᠎ᠠ | ᠶᠢᠨ ᠲᠦᠰᠤᠪ ᠢ 21.29 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ | ᠵᠠᠰᠠᠭ ᠤᠨ ᠵᠠᠷᠤᠯᠭ᠎ᠠ ᠶᠢᠨ ᠲᠦᠰᠤᠪ ᠤᠨ 72.15% ᠡᠵᠡᠯᠡᠭᠦᠯᠦᠨ᠎ᠡ᠃ | ⑵ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ | ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 2.61 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ8.84% ᠡᠵᠡᠯᠡᠭᠦᠯᠦᠨ᠎ᠡ︔ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.59 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ | ᠵᠠᠰᠠᠭ ᠤᠨ ᠵᠠᠷᠤᠯᠭ᠎ᠠ ᠶᠢᠨ ᠲᠦᠰᠤᠪ ᠤᠨ 2% ᠡᠵᠡᠯᠡᠭᠦᠯᠦᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 2.54 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ | ᠵᠠᠷᠤᠯᠭ᠎ᠠ ᠶᠢᠨ ᠲᠦᠰᠤᠪ ᠤᠨ 8.61% ᠡᠵᠡᠯᠡᠭᠦᠯᠦᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.49 ᠳ᠋ᠥᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ | ᠵᠠᠷᠤᠯᠭ᠎ᠠ ᠶᠢᠨ ᠲᠦᠰᠤᠪ ᠤᠨ 1.66% ᠡᠵᠡᠯᠡᠭᠦᠯᠦᠨ᠎ᠡ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.37 ᠳ᠋ᠦᠩᠰᠢᠭᠤᠷ ᠲᠦᠬᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 1.25% ᠡᠵᠡᠯᠡᠭᠦᠯᠦᠨ᠎ᠡ︔ | 6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.92 ᠳ᠋ᠦᠩᠰᠢᠭᠤᠷ ᠲᠦᠬᠦᠷᠢᠭ᠂ ᠨᠡᠶᠢᠳᠡ | ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ6.51% ᠡᠵᠡᠯᠡᠭᠦᠯᠦᠨ᠎ᠡ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 0.87 ᠳ᠋ᠦᠩᠰᠢᠭᠤᠷ | ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 2.95% ᠡᠵᠡᠯᠡᠭᠦᠯᠦᠨ᠎ᠡ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.06 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.2% ᠡᠵᠡᠯᠡᠭᠦᠯᠦᠨ᠎ᠡ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.35 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 1.19% ᠡᠵᠡᠯᠡᠭᠦᠯᠦᠨ᠎ᠡ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.72 ᠳ᠋ᠦᠩᠰᠢᠭᠤᠷ ᠲᠦᠬᠦᠷᠢᠭ᠂ | ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 2.44% ᠡᠵᠡᠯᠡᠭᠦᠯᠦᠨ᠎ᠡ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.14 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ | ᠵᠠᠰᠠᠭ ᠤᠨ ᠵᠠᠷᠤᠯᠭ᠎ᠠ ᠶᠢᠨ ᠲᠦᠰᠤᠪ ᠤᠨ 0.47% ᠡᠵᠡᠯᠡᠭᠦᠯᠦᠨ᠎ᠡ︔ | 12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.09 ᠳ᠋ᠦᠩᠰᠢᠭᠤᠷ | ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.3% ᠡᠵᠡᠯᠡᠭᠦᠯᠦᠨ᠎ᠡ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 0.03 ᠳ᠋ᠦᠩᠰᠢᠭᠤᠷ ᠲᠦᠬᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.1% ᠡᠵᠡᠯᠡᠭᠦᠯᠦᠨ᠎ᠡ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 0.07 ᠳ᠋ᠦᠩᠰᠢᠭᠤᠷ ᠲᠦᠬᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.24% ᠡᠵᠡᠯᠡᠭᠦᠯᠦᠨ᠎ᠡ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 0.07 ᠳ᠋ᠦᠩᠰᠢᠭᠤᠷ ᠲᠦᠬᠦᠷᠢᠭ᠂ ᠨᠡᠶᠢᠳᠡ ᠶᠢᠨ | ᠵᠠᠷᠤᠯᠭ᠎ᠠ ᠶᠢᠨ ᠲᠦᠰᠤᠪ ᠤᠨ 0.24% ᠡᠵᠡᠯᠡᠭᠦᠯᠦᠨ᠎ᠡ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 0.01 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.03% ᠡᠵᠡᠯᠡᠭᠦᠯᠦᠨ᠎ᠡ︔ | 17︶ ᠪᠡᠯᠡᠤᠨᠬᠡᠯ ᠵᠠᠷᠤᠳᠠᠯ 0.3 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ | ᠲᠦᠰᠤᠪ ᠤᠨ 1.02% ᠡᠵᠡᠯᠡᠭᠦᠯᠦᠨ᠎ᠡ︔ | 18︶ ᠪᠤᠰᠤᠤᠨ ᠵᠠᠷᠤᠯᠭ᠎ᠠ 18.28 ᠳ᠋ᠦᠩᠰᠢᠭᠤᠷ ᠲᠦᠬᠦᠷᠢᠭ᠂ ᠨᠡᠶᠢᠳᠡ ᠶᠢᠨ ᠵᠠᠷᠤᠯᠭ᠎ᠠ ᠶᠢᠨ ᠲᠦᠰᠤᠪ ᠤᠨ 61. | 95%ᠡᠵᠡᠯᠡᠭᠦᠯᠦᠨ᠎ᠡ︔ ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ ᠵᠠᠷᠤᠯᠭ᠎ᠠ 0.7 ᠳ᠋ᠥᠩᠰᠢᠭᠤᠷ | ᠲᠥᠭᠦᠷᠢᠭ︔ ᠲᠠᠩᠰᠠᠯᠠᠭᠤᠯᠣᠭᠰᠠᠨ ᠪᠡᠯᠡ ᠮᠦᠩᠭᠦ 4.56 ᠳ᠋ᠥᠩᠰᠢᠭᠤᠷ ᠲᠥᠭᠦᠷᠢᠭ︔ ᠬᠦᠭᠵᠢᠬᠦᠯᠤᠯᠳᠠ | ᠦᠬᠡᠷᠡᠴᠢᠯᠠᠯᠳᠠ ᠶᠢᠨ ᠳᠤᠪᠴᠢᠶ᠎ᠠ ᠠᠴᠠ ᠳᠤᠭᠳᠠᠭᠠᠭᠰᠡᠨ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ | ᠭᠤᠤᠯᠳᠠᠯᠭᠠᠳᠤ ᠲᠦᠷᠤᠯ ᠵᠦᠢᠯ ᠤᠨ ᠤᠷᠤᠨ ᠨᠤᠳᠤᠭ ᠤᠨ ᠲᠦᠬᠦᠷᠵᠢᠬᠦᠯᠦᠭᠰᠡᠨ ᠪᠡᠯᠡ ᠮᠦᠩᠬᠦ 0.3 ᠳ᠋ᠦᠩᠰᠢᠭᠤᠷ | ᠲᠦᠬᠦᠷᠢᠭ︔ ᠠᠯᠪᠠᠨ ᠲᠡᠷᠭᠡ᠂ ᠭᠡᠷ ᠪᠠᠶᠢᠰᠢᠩ ᠤᠨ ᠥᠭᠡᠷᠡᠴᠢᠯᠡᠯᠳᠡ ᠶᠢᠨ ᠨᠥᠭᠦᠪᠥᠷᠢ᠂ ᠲᠣᠣᠷᠵᠢᠯ ᠬᠠᠮᠢᠶᠠᠷᠣᠯᠳᠠ | ᠶᠢᠨ ᠭᠡᠰᠢᠭᠦᠨ ᠤ ᠴᠠᠯᠢᠩ᠂ ᠠᠮᠤ ᠪᠤᠳᠠᠭᠠᠨ ᠤ ᠲᠥᠷᠥ ᠶᠢᠨ ᠪᠤᠳᠤᠯᠭ᠎ᠠ ᠶᠢᠨ ᠴᠢᠨᠠᠷᠳᠠᠢ ᠡᠳ᠋ ᠤᠨ ᠶᠠᠪᠤᠳᠠᠯ ᠤᠨ | ᠥᠷᠢ ᠶᠢᠨ ᠭᠥᠥ ᠮᠥᠩᠭᠦ᠂ ᠪᠠᠴᠢᠮ ᠠᠷᠭᠠᠴᠠᠯᠳᠠ ᠶᠢᠨ ᠠᠮᠤ ᠪᠤᠳᠠᠭ᠎ᠠ ᠨᠥᠭᠡᠴᠡᠯᠡᠭᠦ ᠭᠥᠥ ᠮᠥᠩᠭᠦ ᠵᠡᠷᠭᠡ ᠳᠤ 0. | 41 ᠳ᠋ᠥᠩᠰᠢᠭᠤᠷ ᠲᠥᠭᠦᠷᠢᠭ︔ ᠪᠦᠬᠦ ᠤᠯᠤᠰ ᠤᠨ ᠪᠤᠯᠪᠠᠰᠤᠨ ᠬᠤᠳᠠ ᠶᠢᠨ ᠴᠤᠭᠴᠠᠯᠠᠯᠳᠠ ᠳᠤ 0.05 | ᠳ᠋ᠦᠩᠰᠢᠭᠤᠷ ᠲᠦᠬᠦᠷᠢᠭ︔ ᠨᠠᠷᠢᠯᠢᠭ ᠣᠨᠣᠪᠴᠢᠳᠠᠢ ᠶᠠᠳᠠᠭᠤ ᠶᠢ ᠲᠡᠳᠬᠦᠬᠦ ᠪᠠ ᠨᠡᠭᠦᠯᠭᠡᠨ ᠰᠢᠯᠵᠢᠭᠦᠯᠵᠣ ᠲᠡᠳᠬᠦᠬᠦ | ᠳᠤ 0.06 ᠳ᠋ᠦᠩᠰᠢᠭᠤᠷ ᠲᠥᠭᠦᠷᠢᠭ︔ ᠣᠶᠣᠨᠴᠢ ᠨᠠᠮ ᠤᠨ ᠪᠠᠶᠢᠭᠤᠯᠣᠯᠳᠠ ᠳᠤ 0.04 ᠳ᠋ᠦᠩᠰᠢᠭᠤᠷ | ᠲᠥᠭᠦᠷᠢᠭ︔ ᠲᠡᠭᠡᠭᠰᠢ ᠱᠠᠳᠤᠨ ᠤ ᠲᠤᠰᠬᠠᠢ ᠲᠥᠷᠥᠯ ᠤᠨ ᠵᠠᠷᠤᠯᠭ᠎ᠠ 8.8 ᠳ᠋ᠥᠩᠰᠢᠭᠤᠷ ᠲᠥᠭᠦᠷᠢᠭ︔ ᠳ᠋ᠦᠩᠨᠡᠨ | ᠰᠢᠯᠵᠢᠭᠦᠯᠦᠭᠰᠡᠨ ᠬᠤᠷᠠᠯ ᠤᠨ ᠰᠢᠢᠳᠪᠦᠷᠢ 0.62 ᠳ᠋ᠥᠩᠰᠢᠭᠤᠷ ᠲᠥᠭᠦᠷᠢᠭ︔ ᠲᠡᠭᠡᠭᠰᠢ ᠲᠤᠰᠢᠶᠠᠬᠤ ᠵᠠᠷᠤᠯᠭ᠎ᠠ 0. | 02 ᠳ᠋ᠦᠩᠰᠢᠭᠤᠷ ᠲᠥᠭᠦᠷᠢᠭ︔ ᠠᠷᠠᠳ ᠢ ᠬᠠᠷᠠᠭᠠᠯᠵᠠᠬᠤ ᠢᠨᠵᠧᠨᠧᠷᠢᠩ ᠳᠤ 0.3 ᠳ᠋ᠥᠩᠰᠢᠭᠤᠷ ᠲᠥᠭᠦᠷᠢᠭ︔ | ᠬᠤᠷᠠᠯ ᠤᠨ ᠵᠠᠷᠤᠯᠭ᠎ᠠ᠂ ᠪᠤᠯᠪᠠᠰᠤᠷᠠᠯ ᠤᠨ ᠵᠠᠷᠤᠯᠭ᠎ᠠ᠂ ᠵᠠᠮ ᠤᠨ ᠵᠠᠷᠤᠳᠠᠯ᠂ ᠨᠡᠶᠢᠭᠡᠮᠯᠢᠭ ᠤᠨ ᠠᠵᠢᠯᠯᠠᠮᠵᠢ ᠶᠢᠨ | ᠵᠠᠷᠣᠯᠭ᠎ᠠ᠂ ᠲᠣᠬᠤᠨᠢᠭᠤᠯᠭ᠎ᠠ᠂ ᠭᠠᠶᠢᠯᠢ ᠶᠢᠨ ᠪᠣᠰᠣ ᠨᠦᠬᠦᠪᠦᠷᠢᠯᠡᠯ ᠤᠨ ᠠᠵᠢᠯ ᠣᠶᠢᠯᠠᠰ ᠤᠨ ᠵᠠᠷᠣᠯᠭ᠎ᠠ᠂ ︽ᠨᠢᠭᠡ | ᠬᠡᠷᠡᠭ ᠢ ᠨᠢᠭᠡ ᠵᠦᠪᠯᠡᠬᠦ︾᠂ ᠡᠯᠧᠺᠲᠷᠣᠨ ᠠᠷᠠᠯᠵᠢᠶᠠᠨ ᠤ ᠬᠦᠭᠵᠢᠯᠳᠠ᠂ ᠰᠡᠯᠪᠢᠯᠳᠡ ᠶᠢᠨ ᠵᠠᠷᠤᠳᠠᠯ᠂ ᠵᠠᠰᠠᠭ ᠤᠨ | ᠤᠷᠳᠤᠨ ᠤ ᠬᠤᠳᠠᠯᠳᠤᠨ ᠠᠪᠬᠤ ᠠᠵᠢᠯ᠂ ᠵᠠᠰᠠᠭ ᠤᠨ ᠣᠷᠳᠣᠨ ᠠᠴᠠ ᠨᠡᠶᠢᠳᠡ ᠶᠢᠨ ᠣᠶᠢᠯᠡᠴᠢᠯᠡᠭᠡ ᠬᠤᠳᠠᠯᠳᠣᠨ | ᠠᠪᠬᠤ ᠠᠵᠢᠯ ᠤᠨ ᠵᠠᠷᠤᠳᠠᠯ᠂ ᠤᠯᠤᠰ ᠤᠨ ᠮᠦᠩᠬᠦᠨ ᠬᠦᠮᠤᠷᠬᠡ ᠶᠢᠨ ᠠᠵᠢᠯᠯᠠᠮᠵᠢ ᠶᠢᠨ ᠵᠠᠷᠤᠳᠠᠯ ᠵᠡᠷᠭᠡ 1.11 | ᠳ᠋ᠥᠩᠰᠢᠭᠤᠷ ᠲᠥᠭᠦᠷᠢᠭ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠲᠥᠭᠦᠷ ᠵᠠᠷᠤᠳᠠᠯ 0.1 | ᠳ᠋ᠥᠩᠰᠢᠭᠤᠷ ᠲᠥᠭᠦᠷᠢᠭ︔ ᠦᠷᠢ ᠦᠭᠴᠡᠭᠡ ᠰᠢᠢᠤᠨᠪᠤᠷᠢᠯᠡᠬᠦ ᠵᠠᠷᠤᠳᠠᠯ 0.91 ᠳ᠋ᠥᠩᠰᠢᠭᠤᠷ ᠲᠥᠭᠦᠷᠢᠭ︔ | ᠪᠤᠷᠤᠪᠠᠯᠭᠠᠰᠤ ᠶᠢᠨ ᠦᠨᠳᠤᠰᠤᠳᠠᠨ ᠤ ᠳᠡᠬᠡᠳᠤ ᠰᠤᠷᠭᠠᠭᠤᠯᠢ ᠶᠢᠨ ᠵᠠᠷᠤᠳᠠᠯ 0.3 ᠳ᠋ᠦᠩᠰᠢᠭᠤᠷ ᠲᠦᠬᠦᠷᠢᠭ ᠢ | ᠪᠠᠭᠳᠠᠭᠠᠨ᠎ᠠ᠃ | 3. ᠡᠩ ᠤᠨ ᠨᠡᠶᠢᠳᠡ ᠶᠢᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠦᠯᠡᠳᠡᠪᠤᠷᠢ | 2018 ᠤᠨ ᠳᠤ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠥᠰᠥᠪ ᠢ 29.63 ᠳ᠋ᠥᠩᠰᠢᠭᠤᠷ | ᠲᠥᠭᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠥᠰᠥᠪ ᠢ | 29.51 ᠳ᠋ᠥᠩᠰᠢᠭᠤᠷ ᠲᠥᠭᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ 0.12 ᠳ᠋ᠥᠩᠰᠢᠭᠤᠷ ᠲᠥᠭᠦᠷᠢᠭ | ᠥᠯᠡᠳᠡᠪᠥᠷᠢ ᠲᠠᠢ ᠪᠤᠯᠭᠠᠨ᠎ᠠ᠃ | ︵ᠲᠦᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ | 2018 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 3.31 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 2.16% ᠦᠰᠭᠡᠨ᠎ᠡ | ᠃ ᠡᠬᠦᠨ ᠳᠤ᠂ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ | 2.49 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠠᠴᠠ 16.16% ᠪᠠᠭᠤᠷᠠᠭᠤᠯᠤᠨ᠎ᠠ︔ ᠲᠡᠭᠡᠷ᠎ᠡ ᠵᠢᠯ | ᠤᠨ ᠦᠯᠡᠳᠡᠪᠤᠷᠢ 0.82 ᠳ᠋ᠦᠩᠰᠢᠭᠤᠷ ᠲᠦᠬᠦᠷᠢᠭ᠃ | 2018 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 3.31 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 2.16% ᠦᠰᠭᠡᠨ᠎ᠡ | ᠃ ᠡᠬᠦᠨ ᠳᠤ᠂ ᠲᠡᠭᠡᠳᠤ ᠱᠠᠳᠤᠨ ᠤ ᠲᠤᠰᠬᠠᠢ ᠲᠥᠷᠥᠯ 0.81 ᠳ᠋ᠥᠩᠰᠢᠭᠤᠷ ᠲᠥᠭᠦᠷᠢᠭ᠂ ᠭᠠᠵᠠᠷ | ᠲᠠᠳᠠᠪᠤᠷᠢᠯᠠᠬᠤ ᠪᠤᠯᠤᠨ ᠨᠤᠷᠠᠭᠠᠨ ᠨᠡᠭᠦᠯᠭᠡᠭᠦ ᠨᠥᠭᠦᠪᠥᠷᠢ ᠵᠢᠴᠢ ᠠᠵᠤ ᠤᠶᠢᠯᠡᠰ ᠤᠨ ᠬᠦᠭᠵᠢᠯᠳᠠ ᠶᠢᠨ ᠰᠠᠭᠤᠷᠢ | ᠮᠦᠩᠬᠦ 2 ᠳ᠋ᠦᠩᠰᠢᠭᠤᠷ ᠲᠦᠬᠦᠷᠢᠭ᠂ ᠠᠵᠤ ᠥᠢᠯᠡᠳᠪᠥᠷᠢ ᠪᠠᠷ ᠮᠠᠯ ᠲᠠᠷᠢᠶᠠᠯᠠᠩ ᠢ ᠲᠡᠳᠭᠦᠭᠦ ᠪᠠ ᠨᠤᠳᠤᠭ | ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠥᠭᠦᠪᠥᠷᠢ ᠶᠢᠨ ᠪᠡᠯᠡ ᠮᠥᠩᠭᠦ 0.29 ᠳ᠋ᠥᠩᠰᠢᠭᠤᠷ ᠲᠥᠭᠦᠷᠢᠭ᠂ | ᠳ᠋ᠥᠩᠨᠡᠨ ᠰᠢᠯᠵᠢᠭᠦᠯᠥᠭᠰᠡᠨ ᠬᠤᠷᠠᠯ ᠤᠨ ᠰᠢᠢᠳᠪᠥᠷᠢ 0.21 ᠳ᠋ᠥᠩᠰᠢᠭᠤᠷ ᠲᠥᠭᠦᠷᠢᠭ᠃ | ︵ᠲᠠᠪᠤ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠲᠦᠰᠤᠪ | 2018 ᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠵᠠᠷᠣᠯᠭ᠎ᠠ ᠶᠢᠨ ᠲᠦᠰᠤᠪ ᠢ 1. | 93 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠠᠴᠠ 33.1% | ᠨᠡᠮᠡᠭᠳᠡᠬᠦᠯᠤᠨ᠎ᠠ᠃ ᠡᠬᠦᠨ ᠳᠤ᠂ ᠨᠠᠰᠤᠵᠢᠯ ᠤᠨ ᠳᠠᠭᠠᠤᠨᠬᠠᠯ 1.27 ᠳ᠋ᠦᠩᠰᠢᠭᠤᠷ ᠲᠦᠬᠦᠷᠢᠭ᠂ ᠠᠳᠠᠯᠢ | ᠬᠤᠭᠤᠴᠠᠭᠠᠨ ᠠᠴᠠ 44.32% ᠨᠡᠮᠡᠭᠳᠡᠬᠦᠯᠤᠨ᠎ᠠ︔ ᠠᠵᠢᠯ ᠠᠯᠳᠠᠭᠰᠠᠤᠨ ᠤᠨ ᠳᠠᠭᠠᠤᠨᠬᠠᠯ 0.04 ᠳ᠋ᠦᠩᠰᠢᠭᠤᠷ | ᠲᠦᠬᠦᠷᠢᠭ᠂ ᠠᠳᠠᠯᠢ ᠬᠤᠭᠤᠴᠠᠭᠠᠨ ᠠᠴᠠ 42.86%ᠪᠠᠭᠤᠷᠠᠭᠤᠯᠤᠨ᠎ᠠ︔ ᠡᠮ ᠡᠮᠨᠡᠯᠬᠡ ᠶᠢᠨ ᠳᠠᠭᠠᠤᠨᠬᠠᠯ 0.55 | ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠠᠴᠠ 22.2% ᠨᠡᠮᠡᠭᠳᠡᠬᠦᠯᠤᠨ᠎ᠠ︔ ᠠᠵᠢᠯ ᠤᠨ ᠬᠡᠮᠳᠤᠯ ᠤᠨ | ᠳᠠᠭᠠᠤᠨᠬᠠᠯ 0.04 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠲᠠᠢ ᠠᠳᠠᠯᠢ ᠪᠠᠶᠢᠯᠭᠠᠨ᠎ᠠ︔ ᠬᠦᠩᠬᠡᠵᠢᠯ ᠤᠨ | ᠳᠠᠭᠠᠤᠨᠬᠠᠯ 0.03 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠠᠴᠠ 50% ᠨᠡᠮᠡᠭᠳᠡᠬᠦᠯᠤᠨ᠎ᠠ᠃ | ︵ᠵᠢᠷᠭᠤᠭ᠎ᠠ︶ 2018 ᠤᠨ ᠤ 3 ᠰᠠᠷ᠎ᠠ ᠶᠢᠨ 16 ᠤ ᠡᠳᠥᠷ ᠪᠤᠯᠳᠠᠯᠠᠬᠢ ᠲᠥᠰᠥᠪ ᠤᠨ ᠵᠠᠷᠤᠯᠭ᠎ᠠ | ᠶᠢᠨ ᠪᠠᠶᠢᠳᠠᠯ | 1. ᠡᠩ ᠤᠨ ᠨᠡᠶᠢᠳᠡ ᠶᠢᠨ ᠲᠥᠰᠥᠪ ᠤᠨ ᠵᠠᠷᠤᠯᠭ᠎ᠠ 4.75 ᠳ᠋ᠥᠩᠰᠢᠭᠤᠷ ᠲᠥᠭᠦᠷᠢᠭ | ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ | ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 0.47 ᠳ᠋ᠦᠩᠰᠢᠭᠤᠷ ᠲᠦᠬᠦᠷᠢᠭ ︔ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.13 ᠳ᠋ᠦᠩᠰᠢᠭᠤᠷ ᠲᠦᠬᠦᠷᠢᠭ︔ | 3︶ ᠰᠤᠷᠭᠠᠨ ᠬᠦᠮᠤᠵᠢᠯ ᠤᠨ ᠵᠠᠷᠤᠯᠭ᠎ᠠ 0.64 ᠳ᠋ᠦᠩᠰᠢᠭᠤᠷ ᠲᠦᠬᠦᠷᠢᠭ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 49 ᠲᠥᠮᠡᠨ ᠲᠦᠬᠦᠷᠢᠭ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.12 ᠳ᠋ᠦᠩᠰᠢᠭᠤᠷ ᠲᠦᠬᠦᠷᠢᠭ ︔ | 6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 0.36 ᠳ᠋ᠦᠩᠰᠢᠭᠤᠷ ᠲᠦᠬᠦᠷᠢᠭ ︔ | 7︶ ᠡᠮᠴᠢᠯᠡᠭᠡ ᠡᠷᠡᠬᠦᠯ ᠬᠠᠮᠠᠭᠠᠯᠠᠯ᠂ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 0.12 ᠳ᠋ᠦᠩᠰᠢᠭᠤᠷ ᠲᠦᠬᠦᠷᠢᠭ | ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 0.08 ᠳ᠋ᠦᠩᠰᠢᠭᠤᠷ ᠲᠦᠬᠦᠷᠢᠭ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.58 ᠳ᠋ᠦᠩᠰᠢᠭᠤᠷ ᠲᠦᠬᠦᠷᠢᠭ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.86 ᠳ᠋ᠦᠩᠰᠢᠭᠤᠷ ᠲᠦᠬᠦᠷᠢᠭ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.7 ᠳ᠋ᠦᠩᠰᠢᠭᠤᠷ ᠲᠦᠬᠦᠷᠢᠭ︔ | 12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.01 ᠳ᠋ᠦᠩᠰᠢᠭᠤᠷ | ᠲᠦᠬᠦᠷᠢᠭ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 80 ᠲᠥᠮᠡᠨ ᠲᠦᠬᠦᠷᠢᠭ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 0.06 ᠳ᠋ᠦᠩᠰᠢᠭᠤᠷ ᠲᠦᠬᠦᠷᠢᠭ ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 0.16 ᠳ᠋ᠦᠩᠰᠢᠭᠤᠷ ᠲᠦᠬᠦᠷᠢᠭ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 67 ᠲᠥᠮᠡᠨ ᠲᠦᠬᠦᠷᠢᠭ︔ | 17︶ ᠪᠤᠰᠤᠤᠨ ᠵᠠᠷᠤᠯᠭ᠎ᠠ 0.44 ᠳ᠋ᠦᠩᠰᠢᠭᠤᠷ ᠲᠦᠬᠦᠷᠢᠭ ︵ᠥᠷᠢ ᠪᠤᠴᠠᠭᠠᠭᠰᠠᠨ ᠬᠥᠥ ᠲᠥᠯᠥᠭᠰᠡᠨ︶︔ | 2. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠵᠠᠷᠤᠯᠭ᠎ᠠ 0.1 ᠳ᠋ᠥᠩᠰᠢᠭᠤᠷ ᠲᠥᠭᠦᠷᠢᠭ | ᠭᠤᠷᠪᠠ᠂ 2018 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ | ᠦᠨᠤ ᠵᠢᠯ ᠪᠤᠯ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠬᠤ | ᠡᠬᠢᠨ ᠤ ᠵᠢᠯ᠂ ᠦᠬᠡᠷᠡᠴᠢᠯᠠᠯᠳᠠ ᠨᠡᠬᠡᠬᠡᠯᠳᠠ ᠶᠢᠨ 40 ᠵᠢᠯ ᠤᠨ ᠤᠢ ᠪᠤᠯᠤᠨ᠎ᠠ᠂ ᠴᠢᠨᠡᠬᠡᠯᠢᠭ ᠨᠠᠶᠢᠬᠡᠮ ᠢ ᠪᠦᠬᠦ | ᠳᠠᠯ᠎ᠠ ᠪᠠᠷ ᠪᠠᠶᠢᠭᠤᠯᠬᠤ ᠰᠢᠢᠤᠨᠪᠤᠷᠢᠳᠤ ᠢᠯᠠᠯᠳᠠ ᠶᠢ ᠤᠯᠬᠤ ᠪᠠ ︽ᠠᠷᠪᠠᠨ ᠭᠤᠷᠪᠠᠳᠤᠭᠠᠷ ᠳᠠᠪᠤᠨ ᠵᠢᠯ︾ ᠤᠨ | ᠲᠦᠯᠤᠪᠵᠢᠬᠦᠯᠬᠡ ᠶᠢᠨ ᠬᠡᠷᠡᠭᠵᠢᠬᠦᠯᠤᠯᠳᠠ ᠶᠢᠨ ᠵᠠᠩᠬᠢᠯᠠᠭ᠎ᠠ ᠶᠢᠨ ᠵᠢᠯ ᠪᠤᠯᠤᠨ᠎ᠠ᠂ ᠦᠨᠤ ᠵᠢᠯ ᠤᠨ ᠡᠳ᠋ ᠤᠨ ᠵᠠᠰᠠᠭ | ᠤᠨ ᠠᠵᠢᠯ ᠢᠶᠠᠨ ᠰᠠᠶᠢᠳᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠤᠭᠳᠠᠯ ᠲᠠᠢ᠃ | ︵ᠨᠢᠬᠡ︶ ᠬᠡᠯᠪᠡᠷᠢ ᠪᠠᠨ ᠬᠤᠪᠢᠷᠠᠭᠤᠯᠬᠤ ᠬᠦᠭᠵᠢᠯᠳᠠ ᠶᠢ ᠠᠬᠢᠭᠤᠯᠵᠤ᠂ ᠡᠳ᠋ ᠤᠨ ᠢᠷᠠᠯᠳᠠ ᠶᠢᠨ | ᠪᠠᠶᠢᠭᠤᠯᠤᠯᠳᠠ ᠶᠢ ᠲᠦᠷᠬᠡᠤᠨᠬᠡᠨ᠎ᠠ᠃ ᠤᠯᠤᠰ ᠤᠨ ᠵᠠᠷᠤᠳᠠᠯ ᠢ ᠴᠡᠭᠴᠡᠯᠡᠵᠤ ᠡᠬᠦᠷᠬᠡᠯᠡᠯ ᠢ ᠪᠠᠭᠠᠰᠬᠠᠬᠤ ᠲᠦᠷᠤ ᠶᠢᠨ | ᠪᠤᠳᠤᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠬᠠᠩᠭᠠᠯᠭ᠎ᠠ ᠶᠢᠨ ᠳᠠᠯ᠎ᠠ ᠶᠢᠨ ᠪᠦᠳᠤᠴᠠ ᠶᠢᠨ ᠴᠢᠨᠠᠷᠳᠠᠢ | ᠦᠬᠡᠷᠡᠴᠢᠯᠠᠯᠳᠠ ᠶᠢ ᠠᠬᠢᠭᠤᠯᠵᠤ᠂ ᠮᠠᠨ ᠤ ᠬᠤᠰᠢᠭᠤᠨ ᠤ ᠪᠤᠳᠠᠳᠤ ᠴᠤᠭᠴᠠ ᠶᠢᠨ ᠠᠵᠤ ᠠᠬᠤᠢ ᠶᠢᠨ ᠬᠦᠭᠵᠢᠯ | ᠪᠤᠵᠠᠭᠠᠶᠢᠷᠠᠯ ᠳᠤ ᠤᠬᠢ ᠰᠠᠶᠢᠨ ᠲᠦᠷᠤ ᠶᠢᠨ ᠪᠤᠳᠤᠯᠭ᠎ᠠ ᠶᠢᠨ ᠤᠷᠴᠢᠨ ᠪᠤᠯᠤᠨ ᠢᠳᠡᠪᠬᠢᠳᠠᠢ ᠡᠳ᠋ ᠤᠨ ᠵᠠᠰᠠᠭ ᠤᠨ | ᠳᠡᠮᠵᠢᠯᠬᠡ ᠬᠠᠩᠭᠠᠵᠤ᠂ ᠬᠤᠰᠢᠭᠤ ᠳᠤᠭᠤᠷᠢᠭ ᠤᠨ ᠠᠵᠤ ᠠᠬᠤᠢ ᠶᠢ ᠠᠮᠢᠳᠤᠯᠢᠭᠵᠢᠭᠤᠯᠤᠨ ᠰᠢᠯᠢᠳᠡᠭᠵᠢᠬᠦᠯᠤᠨ᠎ᠠ᠃ | ᠲᠦᠷᠤ ᠶᠢᠨ ᠪᠤᠳᠤᠯᠭ᠎ᠠ᠂ ᠪᠡᠯᠡ ᠮᠦᠩᠬᠦ ᠵᠡᠷᠬᠡ ᠳᠠᠯ᠎ᠠ ᠪᠠᠷ ᠨᠡᠬᠦᠷᠡᠰᠤ᠂ ᠨᠡᠬᠦᠷᠡᠰᠤᠨ ᠴᠠᠬᠢᠯᠭᠠᠨ᠂ ᠨᠡᠬᠦᠷᠡᠰᠤᠨ ᠬᠢᠮᠢ | ᠵᠡᠷᠬᠡ ᠠᠵᠤ ᠤᠶᠢᠯᠡᠤᠨᠪᠤᠷᠢ ᠶᠢᠨ ᠳᠤᠮᠤ ᠲᠦᠷᠤᠯ ᠵᠦᠢᠯ ᠤᠨ ᠠᠰᠢᠭᠯᠠᠯᠳᠠ ᠶᠢ ᠬᠦᠴᠤᠯᠡᠨ ᠠᠬᠢᠭᠤᠯᠵᠤ᠂ ᠡᠳ᠋ ᠤᠨ | ᠢᠷᠠᠯᠳᠠ ᠶᠢ ᠨᠡᠮᠡᠭᠳᠡᠬᠦᠯᠤᠨ᠎ᠠ᠃ ᠬᠤᠪᠢᠰᠬᠠᠯᠳᠤ ᠰᠤᠶᠤᠯ ᠤᠨ ᠡᠬᠢ ᠰᠤᠷᠪᠤᠯᠵᠢ ᠶᠢᠨ ᠳᠠᠪᠠᠭᠤᠯᠢᠭ ᠲᠤ ᠲᠦᠰᠢᠭᠯᠡᠨ᠂ | ᠰᠤᠶᠤᠯ ᠵᠢᠭᠤᠯᠴᠢᠯᠠᠯ᠂ ᠰᠦᠯᠵᠢᠶᠠᠨ ᠠᠷᠠᠯᠵᠢᠶ᠎ᠠ ᠪᠤᠳᠠᠰ ᠤᠨ ᠬᠦᠢᠯᠬᠡᠬᠡ ᠵᠡᠷᠬᠡ ᠤᠳᠤ ᠦᠶ᠎ᠡ ᠶᠢᠨ ᠤᠶᠢᠯᠡᠴᠢᠯᠡᠬᠡᠨ | ᠤ ᠤᠶᠢᠯᠡᠰ ᠤᠨ ᠬᠦᠭᠵᠢᠯᠳᠠ ᠶᠢ ᠠᠬᠢᠭᠤᠯᠵᠤ᠂ ᠡᠳ᠋ ᠤᠨ ᠢᠷᠠᠯᠳᠠ ᠶᠢ ᠦᠷᠬᠡᠤᠨᠬᠡᠨᠠ᠃ ᠬᠦᠳᠡᠭᠡ ᠨᠤᠳᠤᠭ ᠢ | ᠬᠦᠴᠤᠷᠬᠡᠭᠵᠢᠬᠦᠯᠬᠦ ᠪᠠᠶᠢᠯᠳᠤᠬᠤ ᠪᠤᠳᠤᠯᠭ᠎ᠠ ᠪᠠᠷ ᠳᠠᠮᠵᠢᠭᠤᠯᠤᠨ᠂ ᠨᠢᠬᠡ᠂ ᠬᠤᠶᠠᠷ᠂ ᠭᠤᠷᠪᠠᠳᠤᠭᠠᠷ ᠠᠵᠤ ᠤᠶᠢᠯᠡᠰ | ᠢ ᠠᠭᠤᠰᠤᠯᠴᠠᠩᠭᠤᠢ ᠬᠦᠭᠵᠢᠬᠦᠯᠵᠤ᠂ ᠡᠳ᠋ ᠤᠨ ᠢᠷᠠᠯᠳᠠ ᠶᠢ ᠪᠠᠬᠢᠵᠢᠬᠦᠯᠤᠨ᠎ᠠ᠃ ᠮᠠᠨ ᠤ ᠬᠤᠰᠢᠭᠤᠨ ᠤ ᠡᠳ᠋ ᠤᠨ | ᠬᠦᠴᠤᠨ ᠢ ᠨᠠᠩ ᠴᠢᠨᠠᠷᠯᠢᠭ᠂ ᠨᠠᠩ ᠪᠦᠳᠤᠮᠵᠢᠳᠠᠢ᠂ ᠨᠠᠩ ᠦᠷᠬᠦᠯᠵᠢᠬᠦᠶᠢᠴᠠ ᠬᠦᠭᠵᠢᠯᠳᠠ ᠳᠡᠰᠢ ᠪᠦᠬᠦ ᠳᠠᠯ᠎ᠠ ᠪᠠᠷ | ᠳᠡᠬᠡᠭᠰᠢᠯᠡᠬᠦᠯᠤᠨ᠎ᠠ᠃ ᠡᠬᠦᠨ ᠤ ᠬᠠᠮᠳᠤ ᠡᠳ᠋ ᠤᠨ ᠵᠠᠰᠠᠭ ᠤᠨ ᠲᠦᠷᠤᠯ ᠵᠦᠢᠯ ᠤᠨ ᠬᠦᠮᠤᠷᠬᠡ ᠶᠢ | ᠳᠡᠬᠦᠯᠳᠡᠷᠵᠢᠬᠦᠯᠤᠨ᠂ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠢ ᠬᠠᠪᠰᠤᠷᠤᠨ ᠦᠪᠡᠷᠳᠡᠬᠡᠨ ᠵᠠᠰᠠᠬᠤ ᠤᠷᠤᠨ ᠤ | ᠡᠳ᠋ ᠤᠨ ᠵᠠᠰᠠᠭ ᠤᠨ ᠲᠢᠩᠬᠢᠮ ᠤᠨ ᠲᠦᠰᠤᠪ ᠤᠨ ᠳᠤᠬᠢᠷᠠᠭᠤᠯᠭ᠎ᠠ ᠳᠠᠬᠢ ᠰᠢᠯᠵᠢᠬᠦᠯᠤᠨ ᠤᠯᠭᠤᠬᠤ ᠭᠠᠷᠴᠠᠭ | ᠶᠤᠰᠤᠭᠠᠷ ᠳᠡᠬᠡᠳᠤ ᠱᠠᠳᠤᠨ ᠤ ᠲᠦᠷᠤᠯ ᠵᠦᠢᠯ ᠪᠤᠯᠤᠨ ᠪᠡᠯᠡ ᠮᠦᠩᠬᠦᠨ ᠤ ᠳᠡᠮᠵᠢᠯᠬᠡ ᠶᠢ ᠢᠳᠡᠪᠬᠢᠯᠡᠨ ᠤᠯᠵᠤ᠂ | ᠲᠦᠷᠤ ᠶᠢᠨ ᠪᠤᠳᠤᠯᠭ᠎ᠠ ᠶᠢᠨ ᠴᠢᠨᠠᠷᠳᠠᠢ ᠡᠳ᠋ ᠤᠨ ᠢᠷᠠᠯᠳᠠ ᠶᠢ ᠪᠤᠳᠠᠳᠠᠶᠢᠵᠢᠭᠤᠯᠤᠨ᠎ᠠ᠃ | ︵ᠬᠤᠶᠠᠷ︶ ᠤᠷᠤᠯᠭ᠎ᠠ ᠶᠢᠨ ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭᠠᠤᠨᠬᠠᠨ᠂ ᠤᠷᠤᠯᠭ᠎ᠠ ᠶᠢᠨ ᠴᠢᠨᠠᠷ | ᠢ ᠳᠡᠬᠡᠭᠰᠢᠯᠡᠬᠦᠯᠤᠨ᠎ᠠ᠃ ᠤᠷᠤᠯᠭ᠎ᠠ ᠳᠠᠳᠠᠪᠤᠷᠢᠯᠠᠬᠤ ᠡᠷᠴᠢᠮ᠂ ᠴᠢᠭᠯᠡᠯ ᠢᠶᠠᠨ ᠤᠨᠤᠪᠴᠢᠳᠠᠢ ᠡᠵᠡᠮᠳᠡᠵᠤ᠂ ᠭᠠᠶᠢᠯᠢ | ᠶᠢᠨ ᠤᠷᠤᠯᠭ᠎ᠠ ᠳᠠᠳᠠᠪᠤᠷᠢᠯᠠᠨ ᠬᠠᠮᠢᠶᠠᠷᠬᠤ ᠬᠠᠤᠯᠢ ᠳᠤᠭᠳᠠᠭᠠᠯ ᠢ ᠡᠷᠡᠰ ᠴᠢᠩᠭ᠎ᠠ ᠬᠡᠷᠡᠭᠵᠢᠬᠦᠯᠵᠤ᠂ ᠭᠠᠶᠢᠯᠢ ᠶᠢᠨ | ᠪᠤᠰᠤ ᠤᠷᠤᠯᠭ᠎ᠠ ᠶᠢᠨ ᠬᠠᠷᠢᠴᠠᠯ ᠢ ᠵᠤᠬᠢᠰᠳᠠᠢ ᠬᠢᠵᠠᠭᠠᠷᠯᠠᠵᠤ᠂ ᠭᠠᠶᠢᠯᠢ ᠶᠢᠨ ᠪᠤᠰᠤ ᠤᠷᠤᠯᠭ᠎ᠠ ᠶᠢᠨ | ᠳᠠᠳᠠᠪᠤᠷᠢᠯᠠᠯᠳᠠ᠂ ᠬᠠᠮᠢᠶᠠᠷᠤᠯᠳᠠ᠂ ᠪᠠᠶᠢᠴᠠᠭᠠᠯᠳᠠ ᠶᠢ ᠴᠤᠭᠴᠠᠵᠢᠭᠤᠯᠤᠭᠰᠡᠨ ᠬᠦᠳᠡᠯᠤᠩᠬᠦᠢ ᠬᠢᠨᠠᠨ ᠡᠵᠡᠮᠰᠢᠯ ᠤᠨ | ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠤ᠂ ᠳᠡᠳᠠᠪᠤᠷᠢᠯᠠᠨ ᠬᠠᠮᠢᠶᠠᠷᠬᠤ ᠰᠢᠨ᠎ᠠ ᠪᠠᠶᠢᠳᠠᠯ ᠢ ᠴᠢᠷᠮᠠᠶᠢᠨ | ᠪᠦᠷᠢᠯᠳᠤᠬᠦᠯᠤᠨ᠎ᠠ᠃ ᠱᠠᠩ ᠶᠤᠸᠠᠨ ᠤᠰᠤᠨ ᠶᠠᠪᠤᠳᠠᠯ ᠤᠨ ᠺᠤᠮᠫᠠᠨᠢ ᠶᠢᠨ 259 ᠲᠦᠮᠡᠨ ᠲᠦᠬᠦᠷᠢᠭ ᠤᠨ | ᠦᠷᠢᠳᠦᠭᠰᠡᠨ ᠭᠠᠶᠢᠯᠢ᠂ ᠴᠢᠯᠠᠭᠤᠨ ᠳᠤᠰᠤ ᠰᠢᠳᠠᠮᠠᠬᠠᠢ ᠬᠡᠢ ᠶᠢᠨ ᠠᠵᠤ ᠠᠬᠤᠶᠢᠯᠠᠯ ᠤᠨ ᠡᠯ᠎ᠡ ᠵᠢᠯ ᠤᠨ 1150 | ᠲᠦᠮᠡᠨ ᠲᠦᠬᠦᠷᠢᠭ ᠤᠨ ᠦᠷᠢᠳᠦᠭᠰᠡᠨ ᠵᠠᠷᠤᠳᠠᠯ᠂ ᠭᠠᠵᠠᠷ ᠰᠢᠷᠤᠢ ᠰᠢᠯᠵᠢᠬᠦᠯᠦᠭᠰᠡᠨ ᠤᠷᠤᠯᠭ᠎ᠠ ᠶᠢᠨ 966 | ᠲᠦᠮᠡᠨ ᠲᠦᠬᠦᠷᠢᠭ ᠤᠨ ᠦᠷᠢᠳᠦᠭᠰᠡᠨ ᠵᠠᠷᠤᠳᠠᠯ᠂ ᠬᠡᠷ ᠬᠦᠷᠤᠩᠬᠡ ᠵᠡᠷᠬᠡ ᠠᠵᠤ ᠠᠬᠤᠶᠢᠯᠠᠯ ᠤᠨ 4628 ᠲᠦᠮᠡᠨ | ᠲᠦᠬᠦᠷᠢᠭ ᠤᠨ ᠦᠷᠢᠳᠦᠭᠰᠡᠨ ᠭᠠᠶᠢᠯᠢ ᠪᠤᠯᠤᠨ ᠬᠤᠭᠤᠴᠠᠭ᠎ᠠ ᠰᠠᠭᠠᠳᠠᠭᠠᠭᠰᠡᠨ ᠮᠦᠩᠬᠦ ᠶᠢ ᠬᠤᠷᠢᠶᠠᠨ ᠠᠪᠬᠤ | ᠡᠷᠴᠢᠮ ᠢᠶᠠᠨ ᠴᠢᠩᠭᠠᠤᠨᠬᠠᠵᠤ᠂ ᠡᠳ᠋ ᠤᠨ ᠢᠷᠠᠯᠳᠠ ᠪᠠᠨ ᠳᠠᠰᠤᠷᠠᠯᠳᠠ ᠦᠬᠡᠢ ᠪᠠᠬᠢᠵᠢᠬᠦᠯᠤᠨ ᠡᠳ᠋ ᠤᠨ ᠵᠠᠰᠠᠭ ᠤᠨ | ᠤᠷᠤᠯᠭ᠎ᠠ ᠶᠢᠨ ᠬᠡᠮᠵᠢᠶ᠎ᠠ ᠪᠠ ᠴᠢᠨᠠᠷ ᠤᠨ ᠬᠤᠤᠰ ᠨᠡᠮᠡᠭᠳᠡᠯ ᠢ ᠠᠬᠢᠭᠤᠯᠤᠨ᠎ᠠ᠃ | ︵ᠭᠤᠷᠪᠠ︶ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠤᠨ᠂ ᠠᠷᠠᠤᠨ ᠤᠨ ᠠᠮᠢᠳᠤᠷᠠᠯ ᠢ | ᠰᠠᠶᠢᠵᠢᠷᠠᠭᠤᠯᠤᠨ᠎ᠠ᠃ ᠵᠠᠰᠠᠭ ᠵᠠᠬᠢᠷᠭ᠎ᠠ ᠠᠵᠢᠯ ᠤᠶᠢᠯᠡᠰ ᠤᠨ ᠨᠢᠬᠡᠴᠠ ᠶᠢᠨ ᠵᠠᠷᠤᠯᠭ᠎ᠠ ᠠᠷᠪᠢᠯᠠᠬᠤ ᠳᠠᠯᠳᠠ ᠬᠦᠴᠤᠨ | ᠢ ᠬᠦᠨᠵᠡᠬᠡᠢ ᠠᠭᠤᠳᠠᠯᠠᠵᠤ᠂ ᠵᠠᠰᠠᠭ ᠵᠠᠬᠢᠷᠭᠠᠨ ᠤ ᠡᠷᠬᠢᠯᠳᠠ ᠶᠢᠨ ᠦᠪᠡᠷ ᠤᠨ ᠦᠷᠳᠡᠭ ᠤᠨ ᠨᠡᠮᠡᠭᠳᠡᠯ ᠢ ᠴᠢᠩᠭ᠎ᠠ | ᠬᠢᠵᠠᠭᠠᠷᠯᠠᠵᠤ᠂ ᠡᠳ᠋ ᠤᠨ ᠵᠠᠰᠠᠭ ᠤᠨ ᠬᠠᠩᠭᠠᠯᠭ᠎ᠠ ᠶᠢᠨ ᠬᠡᠪᠴᠢᠶ᠎ᠡ ᠶᠢ ᠲᠦᠷᠢᠮᠵᠢᠬᠦᠯᠤᠨ᠂ ︽ᠭᠤᠷᠪᠠᠨ ᠠᠯᠪᠠᠨ ᠤ | ᠵᠠᠷᠤᠳᠠᠯ︾ ᠢ ᠤᠯᠠᠮ ᠪᠠᠭᠠᠰᠬᠠᠵᠤ᠂ ᠠᠷᠪᠢᠯᠠᠭᠰᠡᠨ ᠪᠡᠯᠡ ᠮᠦᠩᠬᠦ ᠶᠢ ᠪᠦᠬᠦᠨ ᠢ ᠵᠠᠰᠠᠭ ᠤᠨ ᠤᠷᠳᠤᠨ ᠤ ᠦᠷᠢ | ᠰᠢᠢᠤᠨᠪᠤᠷᠢᠯᠠᠯᠳᠠ ᠳᠤ ᠵᠠᠷᠤᠴᠠᠭᠤᠯᠤᠨ᠎ᠠ᠃ ᠲᠦᠰᠤᠪ ᠤᠨ ᠬᠡᠷᠡᠭᠵᠢᠬᠦᠯᠤᠯᠳᠠ ᠶᠢᠨ ︽ᠦᠯᠡᠳᠡᠪᠣᠷᠢ ᠶᠢ ᠳ᠋ᠦᠩᠨᠡᠨ | ᠰᠢᠯᠵᠢᠬᠦᠯᠵᠣ ᠪᠣᠯᠬᠤ ᠦᠭᠡᠢ︾ ᠲᠦᠷᠢᠮ ᠳᠤᠭᠳᠠᠭᠠᠨ᠂ ᠰᠠᠯᠠᠭ᠎ᠠ ᠮᠦᠴᠢᠷ ᠤᠨ ᠵᠢᠯ ᠤᠨ ᠡᠴᠦᠰ ᠪᠣᠯᠳᠠᠯ᠎ᠠ ᠪᠠᠨ | ᠬᠡᠷᠡᠭᠵᠢᠭᠦᠯᠵᠣ ᠲᠠᠭᠤᠰᠬᠠᠳᠦᠢ ᠲᠦᠰᠦᠪ ᠢ ᠪᠦᠬᠦᠨ ᠢᠶᠠᠷ ᠪᠣᠴᠠᠭᠠᠨ ᠬᠤᠷᠢᠶᠠᠵᠣ᠂ ᠨᠢᠭᠡᠳᠦᠯᠳᠡᠢ ᠲᠦᠯᠦᠪᠵᠢᠭᠦᠯᠭᠡ | ᠶᠢᠨ ᠡᠷᠴᠢᠮ ᠢᠶᠠᠨ ᠴᠢᠩᠭᠠᠳᠬᠠᠨ᠂ ᠡᠵᠡᠮᠰᠢᠯ ᠲᠣᠭᠢᠷᠠᠭᠤᠯᠭ᠎ᠠ ᠶᠢᠨ ᠦᠷ᠎ᠡ ᠠᠰᠢᠭ ᠢ ᠨᠡᠮᠡᠭᠳᠡᠭᠦᠯᠵᠣ᠂ ᠬᠠᠳᠠᠭᠠᠯᠠᠮᠵᠢ | ᠪᠡᠯᠡ ᠮᠦᠩᠭᠦ ᠶᠢ ᠠᠮᠢᠳᠣᠯᠢᠭᠵᠢᠭᠤᠯᠣᠨ᠂ ᠪᠡᠯᠡ ᠮᠦᠩᠭᠦᠨ ᠤ ᠭᠡᠷᠡᠭᠯᠡᠯᠳᠡ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ | ᠃ 2018 ᠣᠨ ᠳᠤ ᠮᠠᠨ ᠤ ᠬᠤᠰᠢᠭᠤᠨ ᠤ ᠡᠩ ᠤᠨ ᠨᠡᠶᠢᠳᠡ ᠶᠢᠨ ᠲᠦᠰᠦᠪ ᠤᠨ ᠵᠠᠷᠣᠯᠭ᠎ᠠ ᠶᠢᠨ 80% ᠠᠴᠠ | ᠲᠡᠭᠡᠭᠰᠢᠬᠢ ᠶᠢ ᠬᠦᠭᠵᠢᠯᠳᠡ ᠶᠢᠨ ᠪᠠᠴᠢᠮ ᠬᠡᠷᠡᠭᠴᠡᠭᠡ ᠪᠦᠬᠦᠢ ᠭᠤᠣᠯᠳᠠᠯᠭᠠᠳᠦ ᠣᠷᠣᠨ ᠬᠡᠪᠴᠢᠶ᠎ᠡ ᠪᠣᠯᠣᠨ ᠡᠮ | ᠡᠮᠨᠡᠯᠭᠡ ᠡᠷᠭᠦᠯ ᠬᠠᠮᠠᠭᠠᠯᠠᠯ᠂ ᠨᠡᠶᠢᠭᠡᠮ ᠤᠨ ᠪᠠᠳᠣᠯᠠᠭ᠎ᠠ ᠵᠡᠷᠭᠡ ᠠᠷᠠᠳ ᠤᠨ ᠠᠮᠢᠳᠣᠷᠠᠯ ᠤᠨ ᠬᠦᠷᠢᠶ᠎ᠡ ᠬᠡᠪᠴᠢᠶᠠᠨ | ᠳᠤ ᠨᠢᠭᠡᠳᠦᠯᠳᠡᠢ ᠲᠦᠯᠦᠪᠵᠢᠭᠦᠯᠦᠨ ᠵᠠᠷᠣᠴᠠᠭᠤᠯᠣᠨ᠎ᠠ᠃ | ︵ᠲᠦᠷᠪᠡ︶ ᠥᠷᠢ ᠥᠭᠴᠡᠭᠡ ᠶᠢᠨ ᠬᠠᠮᠢᠶᠠᠷᠣᠯᠳᠠ ᠡᠵᠡᠮᠰᠢᠯ ᠢ ᠴᠢᠩᠭᠠᠳᠬᠠᠵᠣ᠂ ᠡᠳ᠋ ᠤᠨ ᠵᠠᠰᠠᠭ ᠤᠨ | ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ᠎ᠡ᠂ ︽ᠬᠦᠭᠵᠢᠯᠳᠡ ᠪᠣᠯ ᠵᠠᠰᠠᠭ ᠤᠨ ᠪᠦᠳᠦᠮᠵᠢ᠂ ᠦᠷᠢ | ᠰᠢᠢᠳᠪᠦᠷᠢᠯᠡᠯᠳᠡ ᠪᠣᠯ ᠵᠠᠰᠠᠭ ᠤᠨ ᠪᠦᠳᠦᠮᠵᠢ︾ ᠶᠢᠨ ᠦᠵᠡᠯᠳᠡ ᠶᠢ ᠪᠣᠢ ᠪᠣᠯᠭᠠᠨ᠂ ︽ᠰᠢᠨ᠎ᠡ ᠲᠠᠷᠤᠭ᠎ᠠ | ᠬᠠᠭᠤᠴᠢᠨ ᠲᠠᠩᠰᠠᠨ ᠶᠢ ᠣᠶᠢᠰᠢᠶᠠᠬᠤ ᠦᠭᠡᠢ︾ ᠦᠵᠡᠭᠳᠡᠯ ᠢ ᠡᠷᠡᠰ ᠳᠡᠪᠴᠢᠨ᠂ ᠪᠦᠬᠦ ᠬᠤᠰᠢᠭᠤᠨ ᠤ ᠵᠠᠰᠠᠭ ᠤᠨ | ᠣᠷᠳᠣᠨ ᠤ ᠦᠷᠢ ᠦᠭᠴᠡᠭᠡ ᠶᠢ ᠰᠡᠷᠭᠡᠶᠢᠯᠡᠨ ᠰᠢᠢᠳᠪᠦᠷᠢᠯᠡᠬᠦ ᠶᠠᠪᠣᠳᠠᠯ ᠢ ᠡᠳ᠋ ᠤᠨ ᠵᠠᠰᠠᠭ ᠤᠨ ᠠᠵᠢᠯ ᠤᠨ | ᠭᠤᠣᠯᠳᠠᠯᠭ᠎ᠠ ᠪᠣᠯᠭᠠᠨ᠂ ᠤᠳᠤᠷᠢᠤᠨᠬᠤ ᠲᠣᠭᠤᠶᠢᠯᠠᠩ ᠤᠨ ᠠᠯᠪᠠᠨ ᠬᠡᠷ ᠤᠨ ᠭᠠᠷᠠᠭ ᠤᠨ ᠲᠣᠬᠢᠷᠠᠭᠤᠯᠭ᠎ᠠ᠂ | ᠲᠣᠰᠬᠠᠢ ᠠᠵᠢᠯ ᠤᠨ ᠲᠣᠭᠤᠶᠢᠯᠠᠩ ᠤᠨ ᠠᠷᠪᠠᠨ ᠡᠳᠦᠷ ᠤᠨ ᠲᠣᠭᠢᠷᠠᠭᠤᠯᠭ᠎ᠠ᠂ ᠬᠢᠨᠠᠯᠳᠠ ᠲᠠᠯᠪᠢᠬᠤ ᠲᠣᠭᠤᠶᠢᠯᠠᠩ | ᠤᠨ ᠰᠠᠷ᠎ᠠ ᠶᠢᠨ ᠲᠣᠬᠢᠷᠠᠭᠤᠯᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠣ᠂ 1 ᠠᠯᠪᠠᠨ ᠭᠡᠷ ᠪᠣᠯᠣᠨ 12 | ᠲᠣᠰᠬᠠᠢ ᠠᠵᠢᠯ ᠤᠨ ᠲᠣᠭᠤᠶᠢᠯᠠᠩ ᠤᠨ ᠬᠠᠮ ᠬᠦᠴᠦᠨ ᠢ ᠪᠦᠷᠢᠯᠳᠦᠭᠦᠯᠦᠨ᠂ ︽ᠲᠠᠪᠣᠨ ᠨᠢᠭᠡ︾ ᠬᠠᠮᠢᠶᠠᠷᠣᠯᠳᠠ | ᠶᠢᠨ ᠲᠣᠭᠳᠠᠴᠠ ᠪᠣᠯᠣᠨ ︽ᠲᠠᠪᠣᠨ ᠨᠢᠭᠡ ᠬᠡᠰᠡᠭ︾ ᠤᠨ ᠦᠷᠢ ᠦᠭᠴᠡᠭᠡ ᠶᠢ ᠰᠢᠢᠳᠪᠦᠷᠢᠯᠡᠬᠦ ᠶᠡᠷᠦᠩᠬᠡᠢ | ᠰᠡᠳᠬᠢᠮᠵᠢ ᠶᠣᠰᠣᠭᠠᠷ ᠲᠦᠰᠦᠪ ᠤᠨ ᠳᠤᠬᠢᠷᠠᠭᠤᠯᠭ᠎ᠠ ᠶᠢ ᠭᠤᠣᠯᠳᠠᠯᠭ᠎ᠠ ᠲᠠᠢ ᠠᠳᠬᠤᠨ᠂ ᠬᠦᠷᠦᠩᠭᠡ ᠶᠢᠨ | ᠰᠢᠢᠳᠪᠦᠷᠢᠯᠡᠯᠳᠡ ᠶᠢ ᠲᠦᠷᠭᠡᠳᠬᠡᠵᠣ᠂ ᠦᠭᠴᠡᠭᠡ᠂ ᠠᠪᠴᠠᠭ᠎ᠠ᠂ ᠬᠦᠷᠦᠩᠭᠡ ᠶᠢ ᠴᠡᠭᠴᠡᠯᠡᠨ ᠪᠠᠶᠢᠴᠠᠭᠠᠵᠣ ᠲᠠᠩᠰᠠ | ᠡᠪᠬᠡᠮᠡᠯ ᠪᠠᠶᠢᠭᠤᠯᠬᠤ ᠠᠵᠢᠯ ᠢ ᠰᠠᠶᠢᠳᠦᠷ ᠬᠢᠵᠣ᠂ ᠳᠡᠮᠳᠡᠭᠵᠢᠯᠳᠠ ᠶᠢᠨ ᠠᠵᠢᠯ ᠳᠤ ᠪᠠᠳᠦ ᠰᠠᠭᠤᠷᠢ ᠲᠠᠯᠪᠢᠨ᠎ᠠ᠃ | ᠡᠬᠦᠨ ᠤ ᠬᠠᠮᠳᠦ ᠲᠠᠪᠴᠠᠩ ᠺᠣᠮᠫᠠᠨᠢ ᠶᠢᠨ ᠪᠣᠳᠠᠳᠦ ᠴᠣᠭᠴᠠᠴᠢᠯᠠᠭᠰᠠᠨ ᠬᠡᠯᠪᠡᠷᠢ ᠬᠤᠪᠢᠷᠠᠭᠤᠯᠣᠯᠳᠠ ᠶᠢ | ᠲᠦᠷᠭᠡᠳᠬᠡᠵᠣ᠂ ᠰᠠᠯᠭᠠᠨ ᠰᠢᠯᠵᠢᠭᠦᠯᠦᠭᠰᠡᠨ ᠦᠷᠢ ᠦᠭᠴᠡᠭᠡ ᠶᠢ ᠢᠯᠡᠭᠠᠷᠠᠭᠤᠯᠣᠨ ᠲᠦᠯᠦᠬᠦ ᠴᠢᠳᠠᠪᠦᠷᠢ ᠶᠢ | ᠪᠠᠳᠣᠯᠠᠨ᠎ᠠ᠃ ᠭᠠᠶᠢᠯᠢ ᠶᠢᠨ ᠢᠷᠡᠯᠳᠡ ᠶᠢ ᠨᠡᠮᠡᠭᠳᠡᠬᠦᠯᠬᠦ᠂ ᠬᠢᠨᠠᠨ ᠪᠣᠳᠣᠯᠳᠠ ᠪᠠᠷ ᠰᠢᠯᠭᠠᠨ ᠲᠣᠳᠣᠯᠠᠬᠤ᠂ ᠵᠠᠷᠣᠯᠭ᠎ᠠ | ᠶᠢ ᠰᠢᠯᠢᠳᠡᠭᠵᠢᠭᠦᠯᠬᠦ᠂ ᠡᠬᠢ ᠰᠣᠷᠪᠣᠯᠵᠢ ᠶᠢ ᠠᠮᠢᠳᠣᠯᠢᠭᠵᠢᠭᠤᠯᠬᠤ᠂ ᠦᠭᠴᠡᠭᠡ ᠲᠡᠮᠳᠡᠭ ᠢ ᠣᠷᠣᠯᠠᠭᠤᠯᠣᠨ | ᠰᠣᠯᠢᠬᠤ᠂ ᠦᠭᠴᠡᠭᠡᠨ ᠡᠷᠭᠡ ᠶᠢ ᠢᠯᠭᠠᠷᠠᠭᠤᠯᠣᠨ ᠲᠣᠰᠢᠶᠠᠬᠤ ᠠᠵᠢᠯ ᠢ ᠰᠠᠶᠢᠳᠦᠷ ᠬᠢᠵᠣ᠂ 2018 ᠣᠨ ᠤ 12. | 54 ᠳ᠋ᠦᠩᠰᠢᠭᠤᠷ ᠲᠦᠬᠦᠷᠢᠭ ᠤᠨ ᠦᠭᠴᠡᠭᠡ ᠰᠢᠢᠳᠪᠦᠷᠢᠯᠡᠬᠦ ᠬᠠᠷᠠᠯᠳᠠ ᠪᠠᠨ ᠠᠮᠵᠢᠯᠳᠠ ᠲᠠᠢ ᠪᠡᠶᠡᠯᠡᠭᠦᠯᠬᠦ ᠶᠢ | ᠪᠠᠳᠣᠯᠠᠨ᠎ᠠ᠃ ᠵᠠᠰᠠᠭ ᠤᠨ ᠣᠷᠳᠣᠨ ᠦᠷᠢ ᠲᠠᠯᠪᠢᠬᠤ ᠬᠢᠨᠠᠨ ᠵᠦᠪᠰᠢᠶᠡᠷᠡᠯ ᠤᠨ ︽ᠲᠡᠭᠡᠳᠦ ᠱᠠᠳᠣᠨ ᠠᠴᠠ | ᠬᠠᠮᠢᠶᠠᠷᠬᠤ︾ ᠠᠵᠢᠯ ᠤᠨ ᠲᠣᠭᠳᠠᠴᠠ ᠶᠢ ᠴᠢᠩᠭ᠎ᠠ ᠬᠡᠷᠡᠭᠵᠢᠭᠦᠯᠵᠣ᠂ ᠨᠣᠷᠮ᠎ᠠ ᠬᠢᠵᠠᠭᠠᠷᠯᠠᠬᠤ ᠬᠠᠮᠢᠶᠠᠷᠣᠯᠳᠠ ᠶᠢ | ᠪᠠᠷᠢᠮᠳᠠᠯᠠᠨ᠂ ᠰᠢᠨ᠎ᠡ ᠡᠬᠢᠯᠡᠭᠦᠯᠬᠦ ᠲᠦᠷᠦᠯ ᠵᠣᠶᠢᠯ ᠳᠤ ᠦᠭᠴᠡᠭᠡᠨ ᠤ ᠲᠦᠭᠰᠢᠭᠦᠷᠢ ᠶᠢᠨ ᠦᠨᠡᠯᠡᠯᠳᠡ ᠬᠢᠵᠣ᠂ | ᠰᠢᠨ᠎ᠡ ᠡᠬᠢᠯᠡᠭᠦᠯᠬᠦ ᠲᠦᠷᠦᠯ ᠵᠣᠶᠢᠯ ᠬᠢᠬᠡᠳ ᠦᠭᠴᠡᠭᠡᠨ ᠤ ᠨᠣᠷᠮ᠎ᠠ᠂ ᠪᠡᠯᠡ ᠮᠦᠩᠭᠦᠨ ᠤ ᠢᠷᠡᠯᠳᠡ ᠶᠢ | ᠬᠤᠯᠪᠣᠭᠳᠠᠭᠤᠯᠬᠤ ᠲᠣᠭᠳᠠᠴᠠ ᠶᠢ ᠬᠡᠷᠡᠭᠵᠢᠭᠦᠯᠦᠨ᠎ᠡ᠃ ᠲᠠᠪᠴᠠᠩ ᠺᠣᠮᠫᠠᠨᠢ ᠶᠢᠨ ᠦᠷᠢ ᠦᠭᠴᠡᠭᠡᠨ ᠤ ᠡᠵᠡᠮᠰᠢᠯ | ᠬᠠᠮᠢᠶᠠᠷᠣᠯᠳᠠ ᠶᠢ ᠴᠢᠩᠭᠠᠳᠬᠠᠵᠣ᠂ ᠬᠤᠯᠪᠣᠭᠠᠯᠠᠭᠰᠠᠨ ᠬᠢᠨᠠᠯᠳᠠ ᠬᠠᠮᠢᠶᠠᠷᠣᠯᠳᠠ ᠶᠢᠨ ᠲᠣᠭᠳᠠᠴᠠ ᠶᠢ ᠰᠦᠪᠡᠭᠴᠢᠯᠡᠨ | ᠂ ᠦᠷᠢ ᠦᠭᠴᠡᠭᠡᠨ ᠤ ᠪᠦᠬᠦ ᠪᠠᠶᠢᠷᠢ ᠶᠢᠨ ᠬᠦᠳᠡᠯᠦᠭᠭᠦᠢ ᠬᠢᠨᠠᠨ ᠡᠵᠡᠮᠰᠢᠯ ᠢ ᠴᠢᠩᠭᠠᠳᠬᠠᠨ᠎ᠠ᠃ ᠵᠠᠰᠠᠭ ᠤᠨ | ᠣᠷᠳᠣᠨ ᠤ ᠪᠡᠯᠡ ᠣᠷᠣᠭᠤᠯᠣᠯᠳᠠ ᠶᠢᠨ ᠲᠦᠷᠦᠯ ᠵᠣᠶᠢᠯ᠂ ᠦᠷᠢ ᠲᠠᠯᠪᠢᠨ ᠪᠡᠯᠡ ᠬᠤᠷᠠᠮᠳᠣᠭᠤᠯᠬᠤ᠂ ᠰᠠᠭᠤᠷᠢ | ᠮᠦᠩᠭᠦᠨ ᠤ ᠡᠷᠬᠢᠯᠳᠡ ᠪᠣᠯᠣᠨ ᠵᠠᠰᠠᠭ ᠤᠨ ᠣᠷᠳᠣᠨ ᠠᠴᠠ ᠣᠶᠢᠯᠡᠴᠢᠯᠡᠭᠡ ᠬᠤᠳᠠᠯᠳᠣᠨ ᠠᠪᠬᠤ ᠠᠵᠢᠯᠯᠠᠭ᠎ᠠ ᠶᠢ | ᠡᠷᠡᠰ ᠴᠢᠩᠭ᠎ᠠ ᠪᠠᠷ ᠲᠦᠷᠢᠮᠵᠢᠭᠦᠯᠦᠨ᠂ ᠬᠠᠣᠯᠢ ᠲᠣᠭᠳᠠᠭᠠᠯ ᠵᠦᠷᠢᠴᠡᠨ ᠪᠡᠯᠡ ᠬᠤᠷᠠᠮᠳᠣᠭᠤᠯᠬᠤ ᠲᠠᠭᠠᠭᠠᠯᠳᠠ ᠬᠢᠬᠦ᠂ | ᠬᠡᠯᠪᠡᠷᠢ ᠦᠭᠡᠷᠡᠳᠦᠭᠦᠯᠦᠨ ᠦᠷᠢ ᠲᠠᠯᠪᠢᠬᠤ ᠶᠢ ᠡᠷᠡᠰ ᠴᠠᠭᠠᠵᠠᠯᠠᠨ᠎ᠠ᠃ ᠦᠷᠢ ᠲᠠᠯᠪᠢᠪᠠᠯ ᠨᠠᠰᠣᠨ ᠲᠣᠷᠰᠢ | ᠬᠠᠷᠢᠭᠤᠴᠠᠯᠭ᠎ᠠ ᠨᠡᠭᠡᠮᠵᠢᠯᠡᠬᠦ᠂ ᠬᠠᠷᠢᠭᠤᠴᠠᠯᠭ᠎ᠠ ᠭᠡᠳᠡᠷᠡᠬᠦ ᠨᠡᠭᠡᠮᠵᠢᠯᠡᠬᠦ ᠲᠦᠷᠢᠮ ᠢ ᠴᠢᠩᠭ᠎ᠠ ᠨᠠᠶᠢᠳᠠᠪᠦᠷᠢᠵᠢᠭᠤᠯᠣᠨ᠎ᠠ᠃ | ᠢᠳᠡᠪᠬᠢᠳᠡᠢ ᠪᠠᠷ ᠪᠡᠯᠡ ᠮᠦᠩᠭᠦ ᠬᠤᠷᠠᠮᠳᠣᠭᠤᠯᠵᠣ ᠪᠦᠬᠦ ᠬᠤᠳᠠ ᠶᠢᠨ ᠲᠦᠭᠰᠢᠭᠦᠷᠢᠳᠦ ᠦᠷᠢ ᠦᠭᠴᠡᠭᠡᠨ ᠤ | ᠲᠦᠯᠦᠪᠦᠷᠢ ᠶᠢᠨ ᠰᠠᠭᠤᠷᠢ ᠮᠦᠩᠭᠦ ᠳᠤ ᠣᠷᠣᠯᠴᠠᠭᠤᠯᠵᠣ᠂ ᠡᠭᠦᠰᠴᠦ ᠮᠡᠳᠡᠬᠦ ᠦᠷᠢ ᠦᠭᠴᠡᠭᠡᠨ ᠤ ᠲᠦᠭᠰᠢᠭᠦᠷᠢ | ᠶᠢᠨ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠵᠣ᠂ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠦᠭᠰᠢᠭᠦᠷᠢ ᠶᠢ | ᠰᠡᠷᠭᠡᠶᠢᠯᠡᠨ᠎ᠡ᠃ | ︵ᠲᠠᠪᠤ︶ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠡᠳ᠋ | ᠤᠨ ᠵᠠᠰᠠᠭ ᠤᠨ ᠲᠣᠭᠳᠠᠴᠠ ᠶᠢ ᠲᠡᠭᠦᠯᠳᠡᠷᠵᠢᠭᠦᠯᠦᠨ᠎ᠡ᠃ ᠨᠢᠭᠡ ᠳᠤ᠂ ᠲᠦᠰᠦᠪ ᠤᠨ ᠲᠣᠭᠳᠠᠴᠠ ᠶᠢ | ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠴᠢᠨᠠᠷᠳᠠᠢ ᠰᠠᠭᠤᠷᠢ ᠮᠦᠩᠭᠦᠨ ᠤ ᠲᠦᠰᠦᠪ ᠲᠣᠭᠳᠠᠭᠠᠯ ᠬᠢᠬᠡᠳ | ᠡᠩ ᠤᠨ ᠨᠡᠶᠢᠳᠡ ᠶᠢᠨ ᠲᠦᠰᠦᠪ ᠲᠣᠭᠳᠠᠭᠠᠯ ᠢ ᠨᠢᠭᠡᠳᠦᠯᠳᠡᠢ ᠲᠣᠭᠳᠠᠭᠠᠬᠤ ᠬᠦᠴᠦᠯᠡᠴᠡ ᠶᠢ ᠨᠡᠮᠡᠭᠳᠡᠬᠦᠯᠵᠣ᠂ | ᠪᠠᠶᠢᠷᠢ ᠬᠤᠪᠢᠶᠠᠷᠢᠯᠠᠯ ᠲᠣᠳᠣᠷᠬᠠᠢ ᠵᠠᠰᠠᠭ ᠤᠨ ᠣᠷᠳᠣᠨ ᠤ ᠲᠦᠰᠦᠪ ᠤᠨ ᠲᠣᠭᠳᠠᠴᠠ ᠪᠦᠷᠢᠳᠦᠭᠦᠯᠦᠨ᠂ ᠵᠠᠰᠠᠭ | ᠤᠨ ᠣᠷᠳᠣᠨ ᠤ ᠣᠷᠣᠯᠭ᠎ᠠ ᠵᠠᠷᠣᠯᠭ᠎ᠠ ᠪᠦᠬᠦᠨ ᠢ ᠲᠦᠰᠦᠪ ᠤᠨ ᠬᠠᠮᠢᠶᠠᠷᠣᠯᠳᠠ ᠳᠤ ᠪᠠᠭᠳᠠᠭᠠᠵᠣ᠂ ᠲᠦᠷᠢᠮᠵᠢᠭᠦᠨ | ᠲᠣᠳᠣᠷᠬᠠᠢ᠂ ᠰᠢᠨᠵᠢᠯᠡᠬᠦ ᠣᠬᠠᠭᠠᠨᠴᠢ᠂ ᠬᠦᠯᠢᠶᠡᠰᠦᠯᠡᠯ ᠪᠦᠬᠦᠢ ᠲᠦᠰᠦᠪ ᠤᠨ ᠲᠣᠭᠳᠠᠴᠠ ᠶᠢ ᠴᠣᠭᠴᠠᠯᠠᠨ᠎ᠠ᠃ | ᠬᠤᠶᠠᠷ ᠲᠤ᠂ ᠣᠰᠣᠨ ᠰᠣᠷᠪᠣᠯᠵᠢ ᠶᠢᠨ ᠭᠠᠶᠢᠯᠢ᠂ ᠣᠷᠴᠢᠨ ᠬᠠᠮᠠᠭᠠᠯᠠᠯᠳᠠ ᠶᠢᠨ ᠭᠠᠶᠢᠯᠢ ᠶᠢ ᠡᠬᠢᠯᠡᠨ | ᠲᠠᠳᠠᠪᠦᠷᠢᠯᠠᠵᠣ᠂ ᠬᠡᠷᠡᠭᠯᠡᠭᠡᠨ ᠤ ᠭᠠᠶᠢᠯᠢ᠂ ᠬᠡᠷ ᠭᠠᠵᠠᠷ ᠬᠦᠷᠦᠩᠭᠡ ᠶᠢᠨ ᠭᠠᠶᠢᠯᠢ᠂ ᠬᠤᠪᠢ ᠬᠦᠮᠦᠨ ᠤ ᠣᠯᠵᠠᠪᠦᠷᠢ | ᠤᠨ ᠭᠠᠶᠢᠯᠢ ᠵᠡᠷᠭᠡ ᠭᠠᠶᠢᠯᠢ ᠶᠢᠨ ᠲᠦᠷᠢᠮ ᠤᠨ ᠦᠭᠡᠷᠡᠴᠢᠯᠡᠯᠳᠡ ᠶᠢᠨ ᠠᠵᠢᠯ ᠢ ᠰᠠᠶᠢᠳᠦᠷ ᠬᠢᠵᠣ᠂ ᠭᠠᠵᠠᠷ ᠣᠷᠣᠨ | ᠤ ᠭᠠᠶᠢᠯᠢ ᠶᠢᠨ ᠰᠢᠰᠲ᠋ᠧᠮ ᠤᠨ ᠪᠠᠶᠢᠭᠤᠯᠣᠯᠳᠠ ᠶᠢ ᠠᠬᠢᠭᠤᠯᠣᠨ᠎ᠠ᠃ ᠭᠤᠷᠪᠠ ᠳᠤ᠂ PPP ᠵᠠᠭᠪᠣᠷ ᠢ ᠬᠦᠴᠦᠯᠡᠨ | ᠲᠦᠬᠡᠮᠡᠯᠵᠢᠭᠦᠯᠵᠣ᠂ ᠨᠡᠶᠢᠭᠡᠮ ᠤᠨ ᠡᠬᠢ ᠰᠣᠷᠪᠣᠯᠵᠢ ᠶᠢ ᠵᠠᠰᠠᠭ ᠤᠨ ᠣᠷᠳᠣᠨ ᠤ ᠴᠢᠨᠠᠷᠳᠠᠢ ᠲᠦᠷᠦᠯ ᠵᠣᠶᠢᠯ ᠳᠤ | ᠢᠳᠡᠪᠬᠢᠳᠡᠢ ᠣᠷᠣᠯᠴᠠᠭᠤᠯᠣᠨ᠂ ᠵᠠᠬ᠎ᠠ ᠲᠡᠯᠭᠡᠭᠦᠷᠴᠢᠯᠡᠩᠰᠡᠨ ᠣᠷᠣᠭᠤᠯᠣᠯᠳᠠ ᠭᠠᠷᠭᠠᠯᠳᠠ ᠶᠢᠨ ᠣᠬᠢ ᠡᠷᠬᠢᠯᠳᠡ ᠶᠢ | ᠪᠦᠷᠢᠳᠦᠭᠦᠯᠦᠨ᠎ᠡ᠃ ᠲᠦᠷᠪᠡ ᠳᠤ᠂ ᠠᠵᠣ ᠠᠬᠤᠶᠢᠯᠠᠯ ᠢ ᠴᠡᠭᠴᠡᠯᠡᠨ ᠴᠣᠮᠬᠠᠳᠬᠠᠬᠤ᠂ ᠪᠡᠯᠡ ᠮᠦᠩᠭᠦ ᠣᠷᠣᠭᠤᠯᠬᠤ | ᠂ ᠲᠣᠭᠳᠠᠭᠤᠨ ᠣᠷᠣᠯᠭ᠎ᠠ ᠲᠠᠢ ᠣᠯᠣᠰ ᠤᠨ ᠦᠮᠴᠢᠯᠡᠯᠳᠦ ᠡᠳ᠋ ᠬᠦᠷᠦᠩᠭᠡ ᠶᠢ ᠨᠡᠮᠡᠭᠳᠡᠬᠦᠯᠬᠦ᠂ ᠲᠠᠪᠴᠠᠩ ᠺᠣᠮᠫᠠᠨᠢ | ᠶᠢᠨ ᠰᠢᠯᠢᠳᠡᠭ ᠰᠲ᠋ᠣᠺ ᠤᠨ ᠡᠷᠬᠡ ᠪᠣᠯᠣᠨ ᠡᠳ᠋ ᠬᠦᠷᠦᠩᠭᠡ ᠶᠢ ᠲᠦᠷᠢᠮᠵᠢᠭᠦᠯᠦᠨ ᠠᠮᠢᠳᠣᠯᠢᠭᠵᠢᠭᠤᠯᠬᠤ ᠪᠠᠷ | ᠲᠠᠮᠵᠢᠨ ᠲᠠᠪᠴᠠᠩ ᠺᠣᠮᠫᠠᠨᠢ ᠶᠢᠨ ᠵᠠᠬ᠎ᠠ ᠳᠡᠯᠬᠡᠬᠦᠷᠴᠢᠯᠡᠭᠰᠡᠨ᠂ ᠪᠤᠳᠠᠳᠤ ᠴᠤᠭᠴᠠ ᠶᠢᠨ ᠡᠵᠡᠩᠨᠡᠯᠳᠡ ᠡᠷᠬᠢᠯᠳᠡ ᠶᠢᠨ | ᠬᠡᠯᠪᠡᠷᠢ ᠶᠢᠨ ᠬᠤᠪᠢᠷᠠᠭᠤᠯᠣᠯᠳᠠ ᠶᠢ ᠲᠦᠷᠭᠡᠳᠬᠡᠨ᠎ᠡ᠃ ᠲᠠᠪᠤ ᠳᠤ᠂ ᠨᠡᠶᠢᠭᠡᠮ ᠠᠴᠠ ᠠᠳᠠᠯ ᠠᠬᠤᠢ᠂ ᠨᠡᠶᠢᠳᠡ ᠶᠢᠨ | ᠮᠠᠰᠢᠨ᠂ ᠪᠣᠵᠠᠷ ᠣᠰᠣ ᠰᠢᠢᠳᠪᠦᠷᠢᠯᠡᠬᠦ ᠣᠶᠢᠯᠡᠴᠢᠯᠡᠭᠡ ᠶᠢ ᠢᠳᠡᠪᠬᠢᠳᠡᠢ ᠪᠠᠷ ᠣᠷᠣᠭᠤᠯᠵᠣ᠂ ᠡᠳ᠋ ᠤᠨ ᠵᠠᠰᠠᠭ ᠤᠨ | ᠵᠠᠷᠣᠯᠭ᠎ᠠ ᠶᠢ ᠬᠦᠩᠭᠡᠷᠡᠭᠦᠯᠬᠦ ᠶᠢᠨ ᠬᠠᠮᠳᠦ ᠨᠡᠶᠢᠳᠡ ᠶᠢᠨ ᠣᠶᠢᠯᠡᠴᠢᠯᠡᠭᠡᠨ ᠤ ᠲᠦᠪᠰᠢᠨ ᠪᠣᠯᠣᠨ ᠪᠦᠳᠦᠮᠵᠢ ᠶᠢ | ᠲᠡᠭᠡᠭᠰᠢᠯᠡᠭᠦᠯᠦᠨ᠎ᠡ᠃ | ︵ᠵᠢᠷᠭᠤᠭ᠎ᠠ︶ ᠵᠣᠭᠰᠣᠯᠳᠠ ᠪᠠᠨ ᠪᠠᠳᠣᠳᠬᠠᠨ᠂ ᠬᠠᠷᠢᠭᠤᠴᠠᠯᠭ᠎ᠠ ᠪᠠᠨ ᠴᠢᠩᠭᠠᠳᠬᠠᠨ᠎ᠠ᠃ ︽ᠳᠠᠷᠬᠠᠨ | ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ᠂ ᠲᠦᠪ ᠰᠢᠳᠣᠷᠭᠤ ᠪᠠᠷ ᠡᠳ᠋ ᠠᠬᠤᠶᠢᠯᠠᠬᠤ︾ ᠨᠠᠮ ᠤᠨ ᠪᠠᠶᠢᠭᠤᠯᠣᠯᠳᠠ | ᠶᠢᠨ ᠨᠡᠷᠡᠳᠤ ᠳᠡᠮᠳᠡᠭ ᠡᠬᠦᠳᠤᠨ᠂ ︽ᠬᠤᠶᠠᠷ ᠢ ᠰᠣᠷᠣᠯᠴᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯ ᠲᠦᠷᠢᠮᠵᠢᠯ ᠢ ᠨᠢᠭᠡᠳᠦᠯᠳᠡᠢ ᠠᠳᠬᠤᠵᠣ᠂ ᠨᠠᠮ ᠤᠨ ᠰᠣᠷᠳᠠᠯ ᠴᠢᠭᠡᠴᠢ | ᠵᠠᠰᠠᠭ ᠤᠨ ᠪᠠᠶᠢᠭᠤᠯᠣᠯᠳᠠ ᠶᠢᠨ ︽ᠬᠤᠶᠠᠷ ᠬᠠᠷᠢᠭᠤᠴᠠᠯᠭ᠎ᠠ︾ ᠶᠢ ᠯᠠᠪᠳᠠᠭᠤᠨ ᠡᠭᠦᠷᠭᠡᠯᠡᠵᠣ᠂ ︽ᠵᠠᠪᠰᠢᠮᠠᠬᠠᠢ | ᠢᠯᠵᠢᠷᠡᠯ︾᠂ ᠶᠠᠳᠠᠭᠤ ᠶᠢ ᠲᠡᠳᠬᠦᠬᠦ ᠠᠵᠢᠯ ᠳᠤᠮᠳᠠᠬᠢ ᠢᠯᠵᠢᠷᠡᠯ ᠬᠢᠬᠡᠳ ᠰᠣᠷᠳᠠᠯ ᠤᠨ ᠠᠰᠠᠭᠤᠳᠠᠯ ᠤᠨ ᠲᠣᠰᠬᠠᠢ | ᠴᠡᠭᠴᠡᠯᠡᠯᠳᠡ ᠶᠢ ᠦᠷᠬᠦᠯᠵᠢᠯᠡᠨ ᠠᠬᠢᠭᠤᠯᠵᠣ᠂ ᠲᠣᠭᠤᠷᠢᠨ ᠴᠡᠭᠴᠡᠯᠡᠬᠦ᠂ ᠰᠢᠪᠠᠳᠠᠨ ᠴᠡᠭᠴᠡᠯᠡᠬᠦ ᠪᠠ ᠬᠢᠨᠠᠨ | ᠴᠡᠭᠴᠡᠯᠡᠬᠦ ᠵᠡᠷᠭᠡ ᠠᠵᠢᠯ ᠢᠶᠠᠷ ᠲᠣᠳᠠᠭᠤᠳᠠᠯ ᠢ ᠵᠠᠰᠠᠨ᠂ ᠡᠷᠳᠡ ᠠᠴᠠ ᠬᠠᠯᠠᠵᠣ᠂ ᠦᠨᠳᠦᠷ ᠬᠡᠪ ᠴᠢᠨᠠᠷ ᠪᠦᠬᠦᠢ ᠡᠳ᠋ | ᠤᠨ ᠵᠠᠰᠠᠭ ᠤᠨ ᠲᠣᠰᠬᠠᠢ ᠺᠠᠳ᠋ᠷᠴᠣᠳ ᠤᠨ ᠡᠩᠨᠡᠭᠡ ᠶᠢ ᠪᠠᠶᠢᠭᠤᠯᠣᠨ᠎ᠠ᠃ ᠡᠳ᠋ ᠤᠨ ᠵᠠᠰᠠᠭ ᠠᠵᠣ ᠠᠬᠤᠢ ᠶᠢᠨ | ᠡᠮᠬᠢ ᠵᠢᠷᠣᠮ ᠢ ᠬᠠᠮᠠᠭᠠᠯᠠᠨ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠭᠦᠢᠴᠡᠳᠬᠡᠯ᠂ ᠰᠠᠯᠠᠭ᠎ᠠ ᠮᠦᠴᠢᠷ | ᠤᠨ ᠲᠦᠰᠦᠪ ᠪᠠ ᠲᠦᠰᠦᠪ ᠤᠨ ᠭᠦᠢᠴᠡᠳᠬᠡᠯ ᠬᠢᠭᠡᠳ ︽ᠭᠤᠷᠪᠠᠨ ᠠᠯᠪᠠᠨ ᠤ ᠵᠠᠷᠣᠳᠠᠯ︾ ᠤᠨ ᠲᠦᠰᠦᠪ ᠪᠠ | ᠲᠦᠰᠦᠪ ᠤᠨ ᠭᠦᠢᠴᠡᠳᠬᠡᠯ ᠢ ᠰᠠᠨᠠᠭᠠᠴᠢᠯᠭᠠᠳᠠᠢ ᠪᠠᠷ ᠨᠡᠶᠢᠭᠡᠮ ᠨᠡᠶᠢᠳᠡ ᠳᠤ ᠢᠯᠡᠰᠢᠭᠦᠯᠵᠣ᠂ ᠪᠡᠯᠡ ᠮᠦᠩᠭᠦᠨ ᠤ | ᠬᠡᠷᠡᠭᠯᠡᠯᠳᠡ ᠶᠢᠨ ᠣᠨᠣᠪᠴᠢ ᠶᠢᠨ ᠬᠡᠮᠵᠢᠶ᠎ᠡ ᠪᠡ ᠲᠣᠳᠣᠴᠠ ᠶᠢᠨ ᠬᠡᠮᠵᠢᠶ᠎ᠡ ᠶᠢ ᠣᠯᠠᠮ ᠲᠡᠭᠡᠭᠰᠢᠯᠡᠭᠦᠯᠦᠨ᠂ ᠡᠳ᠋ ᠤᠨ | ᠵᠠᠰᠠᠭ ᠤᠨ ᠪᠡᠯᠡ ᠮᠦᠩᠭᠭᠦ ᠬᠢᠭᠡᠳ ᠡᠳ᠋ ᠤᠨ ᠵᠠᠰᠠᠭ ᠤᠨ ᠠᠵᠢᠯᠳᠠᠳ ᠤᠨ ︽ᠬᠤᠣᠰ ᠠᠮᠣᠷ ᠲᠦᠪᠰᠢᠨ︾ ᠢ | ᠪᠠᠳᠣᠯᠠᠨ᠎ᠠ᠃ | ᠲᠥᠯᠥᠭᠡᠯᠡᠭᠴᠢᠳ ᠡ᠂ ᠰᠢᠨ᠎ᠡ ᠨᠢᠭᠡᠨ ᠵᠢᠯ ᠳᠤ ᠪᠢᠳᠠ ᠬᠤᠰᠢᠭᠤ ᠨᠠᠮ ᠤᠨ ᠬᠤᠷᠢᠶᠠᠨᠨ ᠤ ᠴᠢᠬᠤᠯᠠ | ᠰᠢᠢᠳᠪᠦᠷᠢ ᠪᠠᠶᠢᠷᠢᠰᠢᠭᠤᠯᠣᠯᠳᠠ ᠪᠣᠯᠣᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠢᠢᠳᠪᠦᠷᠢ᠂ ᠲᠣᠭᠳᠠᠭᠠᠯ ᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠠᠩᠬᠠᠨ ᠤ ᠵᠣᠷᠢᠯᠳᠠ ᠪᠠᠨ | ᠮᠠᠷᠳᠡᠯ ᠦᠭᠡᠢ ᠲᠠᠷᠬᠠᠨ ᠬᠠᠷᠢᠭᠤᠴᠯᠠᠭ᠎ᠠ ᠪᠠᠨ ᠪᠠᠳᠦ ᠴᠡᠭᠡᠵᠢᠯᠡᠵᠣ᠂ ᠪᠦᠯᠬᠦᠮᠳᠠᠨ ᠳᠡᠮᠡᠴᠡᠵᠤ᠂ ᠦᠬᠡᠷᠡᠴᠢᠯᠡᠵᠤ | ᠰᠢᠨᠡᠴᠢᠯᠡᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠥᠢᠯᠡᠰ ᠤᠨ ᠬᠦᠭᠵᠢᠯᠳᠡ ᠳᠤ ᠪᠠᠬᠢ ᠬᠠᠳᠠᠨ ᠡᠳ᠋ | ᠤᠨ ᠬᠦᠴᠦᠨ ᠤ ᠪᠠᠳᠣᠯᠠᠭ᠎ᠠ ᠬᠠᠩᠭᠠᠰᠦᠭᠠᠢ︕ |