—— 2017 ᠤᠨ ᠤ 12 ᠰᠠᠷ᠎ᠠ ᠶᠢᠨ 5 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠳᠣᠭᠠᠷ | ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠤᠭᠠᠨ ᠳᠡᠬᠡᠷ᠎ᠠ | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠬᠤᠰᠢᠭᠤ ᠳᠠᠷᠤᠭ᠎ᠠ | | ᠪᠦᠷᠢᠨᠴᠢᠮᠡᠭ | ᠲᠦᠯᠦᠬᠡᠯᠡᠭᠴᠢᠤᠨ ᠡ᠄ | ᠲᠣᠰ ᠬᠤᠭᠤᠴᠠᠭᠠᠨ ᠤ ᠵᠠᠰᠠᠭ ᠤᠨ ᠣᠷᠳᠣᠨ 2012 ᠣᠨ ᠤ 11 ᠰᠠᠷ᠎ᠠ ᠳᠤ ᠲᠣᠰᠢᠶᠠᠯ ᠢᠶᠠᠨ | ᠡᠬᠢᠯᠡᠬᠦᠯᠵᠣ᠂ ᠣᠳᠣ ᠲᠣᠰᠢᠶᠠᠯ ᠤᠨ ᠬᠤᠭᠤᠴᠠᠭ᠎ᠠ ᠲᠠᠭᠤᠰᠪᠠ᠃ ᠡᠳᠤᠬᠡ ᠪᠢ ᠬᠤᠰᠢᠭᠤᠨ ᠤ ᠠᠷᠠᠤᠨ ᠤᠨ ᠵᠠᠰᠠᠭ | ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ ᠲᠥᠯᠥᠭᠡᠯᠡᠭᠴᠢᠳ ᠬᠢᠨᠠᠨ ᠵᠦᠪᠯᠡᠵᠤ᠂ ᠤᠯᠤᠰ | ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ ᠦᠩᠬᠡᠷᠡᠭᠰᠡᠨ ᠲᠠᠪᠣᠨ ᠵᠢᠯ ᠤᠨ ᠠᠵᠢᠯ ᠤᠨ ᠡᠷᠬᠢᠴᠡᠬᠦᠯᠤᠯ | ᠬᠤᠰᠢᠭᠤᠨ ᠤ ᠶᠢᠰᠣᠳᠣᠭᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠠᠴᠠ | ᠨᠠᠭᠠᠰᠢᠬᠢ ᠲᠠᠪᠣᠨ ᠵᠢᠯ ᠪᠣᠯ ᠮᠠᠨ ᠤ ᠬᠤᠰᠢᠭᠤ ᠰᠠᠭᠤᠷᠢ ᠪᠠᠨ ᠪᠠᠬᠢᠵᠢᠬᠦᠯᠵᠣ᠂ ᠭᠠᠪᠰᠢᠭᠠᠶᠢᠯᠠᠨ ᠬᠦᠴᠦᠷᠬᠡᠭᠵᠢᠭᠰᠡᠨ | ᠲᠠᠪᠣᠨ ᠵᠢᠯ᠂ ᠤᠯᠠᠨ ᠳᠠᠶᠠᠭᠠᠷ ᠤᠨ ᠢᠲᠡᠬᠡᠯ ᠵᠣᠷᠢᠭ ᠢ ᠬᠦᠪᠴᠢᠯᠡᠨ ᠦᠢᠯᠡᠰ ᠪᠦᠳᠦᠬᠡᠯᠲᠡ ᠶᠢᠨ ᠰᠢᠨ᠎ᠡ | ᠬᠠᠭᠤᠳᠠᠰᠣ ᠶᠢ ᠪᠢᠴᠢᠭᠯᠡᠭᠰᠡᠨ ᠲᠠᠪᠣᠨ ᠵᠢᠯ ᠪᠣᠯᠣᠨ᠎ᠠ᠃ ᠡᠨᠡ ᠲᠠᠪᠣᠨ ᠵᠢᠯ ᠢᠶᠠᠨ ᠡᠷᠬᠢᠴᠡᠬᠦᠯᠪᠡᠯ᠂ ᠪᠢᠳᠠ ᠰᠢ ᠶᠢᠨ | ᠫᠢᠩ ᠤᠨ ᠲᠥᠷᠥ ᠶᠢ ᠵᠠᠰᠠᠨ ᠵᠠᠰᠠᠭ ᠢ ᠪᠠᠷᠢᠬᠤ ᠰᠢᠨ᠎ᠡ ᠤᠶᠢᠯᠠᠭᠠᠯᠳᠠ᠂ ᠰᠢᠨ᠎ᠡ ᠰᠡᠳᠬᠢᠮᠵᠢ᠂ ᠰᠢᠨ᠎ᠡ ᠪᠤᠳᠤᠯᠭ᠎ᠠ | ᠪᠠᠷ ᠵᠢᠯᠣᠭᠤᠳᠣᠯᠭ᠎ᠠ ᠪᠣᠯᠭᠠᠨ᠂ ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ | ᠤᠨ ᠬᠤᠷᠢᠶᠠᠨ ᠤ ᠰᠢᠢᠤᠨᠪᠤᠷᠢ ᠳᠤᠬᠢᠷᠠᠭᠤᠯᠭ᠎ᠠ ᠶᠢ ᠰᠡᠳᠬᠢᠯ ᠨᠢᠬᠡᠲᠠᠢ ᠡᠷᠡᠰ ᠰᠢᠭᠤᠷᠬᠠᠢ ᠨᠠᠶᠢᠲᠠᠪᠣᠷᠢᠵᠢᠭᠤᠯᠵᠤ᠂ | ᠬᠤᠲᠠ ᠬᠦᠳᠡᠭᠡ ᠶᠢᠨ ᠨᠢᠬᠡᠳᠣᠯᠲᠡᠢ ᠲᠦᠯᠦᠪᠵᠢᠬᠦᠯᠤᠯᠲᠡ ᠪᠣᠯᠣᠨ ᠲᠦᠪᠯᠡᠷᠡᠩᠬᠦᠢ ᠬᠦᠭᠵᠢᠯᠲᠡ ᠶᠢ ᠪᠠᠷᠢᠮᠲᠠᠯᠠᠨ᠂ | ᠥᠭᠬᠢᠶᠡᠮᠥᠷ ᠨᠠᠶᠢᠷᠠᠮᠳᠠᠭᠤ ᠲᠠᠯ᠎ᠠ ᠨᠤᠳᠤᠭ ᠂ ᠥᠵᠡᠰᠭᠦᠯᠡᠩᠳᠤ ᠰᠠᠶᠢᠬᠠᠨ ᠡᠮᠥᠨᠡᠳᠥ ᠤᠳᠤᠭ ᠢ ᠴᠣᠭᠴᠠᠯᠠᠵᠣ᠂ ︽ | ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠲᠠᠢ | ᠮᠠᠯᠴᠢᠨ ᠲᠠᠷᠢᠶᠠᠴᠢᠨ︾᠂ ᠪᠦᠬᠦ ᠴᠠᠷᠠᠭᠠᠨ ᠤ ᠵᠢᠭᠤᠯᠴᠢᠯᠠᠯ᠂ ᠣᠶᠣᠨᠴᠢ ᠡᠮᠣᠨᠡᠲᠣ ᠣᠲᠤᠭ᠂ ᠠᠮᠢ ᠠᠬᠤᠢ ᠶᠢᠨ | ᠪᠣᠯᠪᠠᠰᠣᠨ ᠵᠡᠷᠬᠡ ᠣᠯᠠᠨ ᠲᠠᠯ᠎ᠠ ᠪᠠᠷ ᠬᠦᠴᠦᠯᠡᠨ ᠰᠢᠨ᠎ᠡ ᠶᠢ ᠡᠬᠦᠳᠣᠨ ᠦᠢᠯᠡᠰ ᠪᠦᠲᠦᠬᠡᠵᠣ᠂ ᠦᠬᠡᠷᠡᠴᠢᠯᠠᠯᠲᠡ | ᠶᠢᠨ ᠰᠢᠨ᠎ᠡ ᠠᠰᠢᠭ ᠢ ᠲᠠᠰᠣᠷᠠᠯᠲᠠ ᠦᠬᠡᠢ ᠪᠠᠷ ᠬᠦᠭᠵᠢᠯᠲᠡ ᠶᠢᠨ ᠰᠢᠨ᠎ᠡ ᠬᠦᠳᠡᠯᠬᠡᠭᠴᠢ ᠬᠦᠴᠦᠨ ᠪᠣᠯᠣᠨ ᠠᠷᠠᠳ | ᠤᠨ ᠠᠮᠢᠳᠣᠷᠠᠯ ᠤᠨ ᠰᠢᠨ᠎ᠡ ᠠᠰᠢᠭ ᠵᠢᠷᠭᠠᠯ ᠪᠣᠯᠭᠠᠪᠠ᠃ ᠡᠨᠡ ᠲᠠᠪᠣᠨ ᠵᠢᠯ ᠢᠶᠠᠨ ᠡᠷᠬᠢᠴᠡᠬᠦᠯᠪᠡᠯ᠂ ᠪᠢᠳᠠ | ᠬᠦᠭᠵᠢᠯᠲᠡ ᠶᠢᠨ ᠰᠠᠨᠠᠭᠠᠴᠢᠯᠠᠭᠠᠲᠣ ᠡᠷᠬᠡ ᠶᠢ ᠪᠠᠲᠣ ᠡᠵᠡᠮᠳᠡᠵᠣ᠂ ᠣᠶᠣᠨ ᠴᠢᠳᠠᠯ ᠢᠶᠠᠨ ᠲᠦᠪᠯᠡᠷᠡᠬᠦᠯᠣᠨ᠂ ᠣᠯᠠᠨ | ᠲᠦᠮᠡᠨ ᠢ ᠬᠦᠴᠢᠷᠳᠡᠬᠦᠯᠣᠨ ᠬᠦᠭᠵᠢᠯᠲᠡ ᠶᠢ ᠬᠢᠵᠠᠭᠠᠷᠯᠠᠵᠤ ᠪᠦᠬᠦᠢ ᠣᠯᠠᠨ ᠪᠡᠷᠬᠡ ᠠᠰᠠᠭᠤᠳᠠᠯ ᠢ ᠰᠢᠢᠳᠪᠣᠷᠢᠯᠡᠵᠤ᠂ | ᠣᠳᠠᠭᠠᠨ ᠡᠳᠣᠷ ᠵᠣᠵᠠᠭᠠᠨ ᠬᠤᠨᠤᠭ ᠰᠦᠪᠡᠭᠴᠢᠯᠡᠭᠰᠡᠨ ᠠᠯᠣᠰ ᠬᠡᠳᠣ ᠶᠢᠨ ᠨᠦᠯᠣᠬᠡ ᠪᠦᠬᠦᠢ ᠠᠷᠪᠢᠨ ᠣᠴᠢᠷ | ᠶᠠᠪᠣᠳᠠᠯ ᠢ ᠪᠦᠲᠦᠬᠡᠵᠣ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠣᠯᠲᠠ᠂ ᠬᠤᠪᠢᠰᠬᠠᠯᠲᠣ ᠬᠦᠮᠣᠵᠢᠯ | ᠪᠣᠯᠪᠠᠰᠣᠷᠠᠯ ᠵᠡᠷᠬᠡ ᠭᠤᠣᠯᠳᠠᠯᠭᠠᠲᠣ ᠠᠵᠢᠯ ᠤᠨ ᠲᠠᠯ᠎ᠠ ᠪᠠᠷ ᠣᠷᠢᠳ ᠦᠬᠡᠢ ᠰᠢᠪᠲᠣᠯᠣᠯᠲᠠ ᠲᠠᠢ ᠪᠣᠯᠪᠠ︔ ᠪᠦᠬᠦ | ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠲᠠ᠂ ᠣᠯᠣᠰ ᠤᠨ ᠴᠡᠴᠡᠷᠯᠢᠭᠵᠢᠬᠦᠯᠬᠡ ᠶᠢᠨ ᠬᠤᠲᠠ᠂ ᠣᠯᠣᠰ | ᠤᠨ ᠡᠷᠡᠬᠦᠯ ᠬᠠᠮᠠᠭᠠᠯᠠᠯ ᠤᠨ ᠰᠢᠶᠠᠨ ᠤ ᠬᠤᠲᠠ ᠵᠡᠷᠬᠡ ︽ᠣᠯᠣᠰ ᠤᠨ ᠲᠡᠰ ᠤᠨ ᠠᠯᠳᠠᠷ ᠴᠣᠯᠠ︾ ᠣᠯᠵᠣ᠂ | ᠣᠲᠤᠭ ᠤᠨ ᠡᠮᠣᠨᠡᠲᠣ ᠬᠤᠰᠢᠭᠤ ᠪᠠᠨ ᠣᠯᠠᠮ ᠠᠯᠳᠠᠷᠰᠢᠭᠤᠯᠪᠠ᠃ ᠡᠨᠡ ᠲᠠᠪᠣᠨ ᠵᠢᠯ ᠢᠶᠠᠨ ᠡᠷᠬᠢᠴᠡᠬᠦᠯᠪᠡᠯ᠂ ᠪᠢᠳᠠ | ᠬᠦᠭᠵᠢᠯᠲᠡ ᠶᠢᠨ ᠭᠤᠣᠯ ᠵᠦᠷᠢᠴᠡᠯ ᠪᠣᠯᠣᠨ ᠵᠦᠷᠢᠴᠡᠯ ᠤᠨ ᠭᠤᠣᠯ ᠲᠠᠯ᠎ᠠ ᠶᠢ ᠪᠠᠲᠤ ᠡᠵᠡᠮᠳᠡᠵᠤ᠂ ᠡᠷᠴᠢ ᠬᠦᠴᠦᠨ | ᠢᠶᠠᠨ ᠲᠦᠪᠯᠡᠷᠡᠬᠦᠯᠤᠨ ︽ᠴᠢᠨᠠᠷᠵᠢᠭᠤᠨ᠂ ᠲᠦᠷᠬᠡᠨ᠂ ᠪᠣᠳᠠᠲᠠᠢ︾ ᠬᠦᠭᠵᠢᠯᠲᠡ ᠶᠢ ᠪᠡᠶᠡᠯᠡᠬᠦᠯᠵᠤ᠂ 2017 | ᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠵᠢᠱᠢᠯᠲᠡ ᠪᠠᠷ 149 ᠳ᠋ᠦᠩᠰᠢᠭᠤᠷ | ᠲᠦᠬᠦᠷᠢᠭ ᠲᠤ ᠬᠦᠷᠴᠤ᠂ ᠬᠦᠮᠤᠨ ᠲᠣᠮᠳᠠᠴᠢ ᠶᠢᠨ GDP 18.7 ᠲᠦᠮᠡᠨ ᠲᠦᠬᠦᠷᠢᠭ ᠲᠤ ᠬᠦᠷᠦᠨ᠂ | ᠦᠪᠡᠷᠲᠡᠭᠡᠨ ᠵᠠᠰᠠᠬᠤ ᠣᠷᠣᠨ ᠤ ᠬᠦᠮᠤᠨ ᠲᠣᠮᠳᠠᠴᠢ ᠦᠷᠲᠡᠭ ᠤᠨ 2.3 ᠲᠠᠬᠢᠨ ᠪᠣᠯᠪᠠ︔ ᠭᠤᠷᠪᠠᠨ ᠠᠵᠤ | ᠦᠢᠯᠡᠰ ᠶᠢᠨ ᠪᠦᠲᠣᠴᠡ 8.7᠄ 60.4᠄ 30.9 ᠪᠣᠯᠵᠣ ᠣᠯᠠᠷᠢᠨ᠂ ᠬᠤᠶᠠᠷ ᠭᠤᠷᠪᠠᠳᠣᠭᠠᠷ ᠠᠵᠤ ᠦᠢᠯᠡᠰ ᠤᠨ | ᠲᠠᠶᠢᠴᠢᠯᠠᠬᠤ ᠦᠢᠯᠡᠳᠣᠯ ᠡᠳᠣᠷ ᠢᠷᠡᠬᠦᠶ᠎ᠠ ᠲᠣᠪᠣᠶᠢᠵᠣ᠂ ᠪᠦᠲᠣᠴᠡ ᠶᠢᠨ ᠬᠤᠪᠢᠷᠠᠭᠤᠯᠣᠯᠲᠠ ᠶᠢᠨ ᠦᠷ᠎ᠡ | ᠪᠦᠳᠦᠮᠵᠢ ᠢᠯᠡᠷᠬᠡᠢ ᠪᠣᠯᠪᠠ︔ ᠡᠩ ᠤᠨ ᠲᠦᠰᠤᠪ ᠤᠨ ᠤᠷᠤᠯᠭ᠎ᠠ ᠵᠢᠱᠢᠯᠲᠡ ᠪᠠᠷ 8 ᠳ᠋ᠥᠩᠰᠢᠭᠤᠷ ᠲᠥᠭᠦᠷᠢᠭ ᠲᠤ | ᠭᠥᠷᠥᠨ᠂ ᠪᠦᠬᠦ ᠬᠤᠲᠠ ᠶᠢᠨ ᠨᠢᠬᠡᠳᠣᠯᠲᠡᠢ ᠪᠠᠷᠢᠮᠵᠢᠶ᠎ᠠ ᠪᠠᠷ ᠵᠢᠯ ᠲᠣᠳᠣᠮ 5.5%ᠨᠡᠮᠡᠭᠳᠡᠪᠡ︔ ᠬᠤᠳᠠ ᠬᠦᠳᠡᠭᠡ | ᠶᠢᠨ ᠰᠠᠭᠤᠭᠠᠯᠢ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠵᠢᠱᠢᠯᠲᠡ ᠪᠠᠷ ᠳᠤᠰᠪᠤᠷᠢ | 41575 ᠲᠦᠬᠦᠷᠢᠭ ᠪᠠ 17007 ᠲᠦᠬᠦᠷᠢᠭ ᠲᠤ ᠬᠦᠷᠴᠤ᠂ ᠤᠷᠤᠯᠭ᠎ᠠ ᠶᠢᠨ ᠵᠦᠷᠢᠶ᠎ᠡ ᠪᠠᠭᠠᠰᠣᠨ 2.4᠄ 1 | ᠪᠣᠯᠪᠠ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ 25 | ᠳ᠋ᠦᠩᠰᠢᠭᠤᠷ ᠲᠦᠬᠦᠷᠢᠭ ᠲᠤ ᠬᠦᠷᠤᠨ᠂ ᠵᠢᠯ ᠲᠣᠳᠣᠮ 12.2% ᠨᠡᠮᠡᠭᠳᠡᠪᠠ︔ ᠲᠠᠪᠣᠨ ᠵᠢᠯ ᠤᠨ ᠲᠤᠭᠳᠠᠮᠠᠯ | ᠭᠥᠷᠥᠩᠭᠡ ᠶᠢᠨ ᠪᠡᠯᠡ ᠤᠷᠤᠭᠤᠯᠤᠯᠳᠠ 1312.4 ᠳ᠋ᠥᠩᠰᠢᠭᠤᠷ ᠲᠥᠭᠦᠷᠢᠭ ᠲᠤ ᠭᠥᠷᠥᠨ᠂ ᠬᠤᠰᠢᠭᠤ | ᠪᠠᠶᠢᠭᠤᠯᠣᠭᠳᠠᠭᠰᠠᠨ ᠠᠴᠠ ᠨᠠᠭᠠᠰᠢᠬᠢ ᠶᠡᠷᠣᠩᠬᠡᠢ ᠬᠡᠮᠵᠢᠶ᠎ᠡ ᠶᠢᠨ 2.1 ᠲᠠᠬᠢᠨ ᠪᠣᠯᠪᠠ᠃ | ᠲᠦᠯᠦᠭᠡᠯᠡᠭᠴᠢᠳ ᠡ᠂ ᠲᠡᠣᠬᠡ ᠶᠢᠨ ᠤᠷᠳᠤ ᠠᠶᠠᠨ ᠳᠤ ᠠᠪᠴᠤ ᠬᠡᠯᠡᠪᠡᠯ ᠲᠠᠪᠣᠨ ᠵᠢᠯ ᠬᠤᠷᠣᠮ | ᠵᠠᠭᠤᠷ᠎ᠠ ᠲᠡᠳᠣᠢ ᠪᠣᠯᠪᠠᠴᠤ᠂ ᠨᠢᠬᠡ ᠭᠠᠵᠠᠷ ᠣᠷᠣᠨ ᠳᠤ ᠠᠪᠴᠤ ᠬᠡᠯᠡᠪᠡᠯ ᠬᠦᠨᠵᠡᠬᠡᠢ ᠦᠭᠡᠷᠡᠴᠢᠯᠡᠯᠲᠡ ᠭᠥᠴᠥᠳᠤ | ᠰᠢᠪᠲᠣᠯᠣᠯᠲᠠ ᠲᠠᠢ ᠣᠯᠠᠷᠢᠨ ᠬᠤᠪᠢᠰᠣᠯᠲᠠ ᠪᠣᠯᠬᠤ ᠶᠣᠮ᠃ ᠲᠠᠪᠤᠨ ᠵᠢᠯ ᠬᠦᠴᠦᠯᠡᠨ ᠲᠡᠮᠡᠴᠡᠬᠡᠳ ᠲᠤᠭ᠎ᠠ | ᠬᠡᠮᠵᠢᠶᠡᠨ ᠤ ᠡᠷᠴᠢᠯᠢᠭ ᠦᠰᠦᠯᠲᠡ ᠲᠠᠢ ᠪᠣᠯᠵᠣ᠂ ᠪᠣᠳᠠᠲᠣ ᠬᠦᠴᠦᠨ ᠤ ᠲᠠᠪᠠᠭᠤ ᠪᠠᠶᠢᠷᠢ ᠡᠵᠡᠯᠡᠵᠤ᠂ ᠪᠢᠳᠡᠨ ᠤ | ᠬᠦᠭᠵᠢᠯᠲᠡ ᠶᠢᠨ ᠡᠷᠴᠢ ᠬᠦᠴᠦᠨ᠂ ᠲᠠᠪᠠᠯᠲᠠ ᠶᠢᠨ ᠢᠲᠡᠭᠡᠯ ᠵᠣᠷᠢᠭ ᠨᠡᠮᠡᠭᠳᠡᠭᠰᠡᠨ ᠪᠠᠶᠢᠨ᠎ᠠ᠃ ᠡᠨᠡ ᠲᠠᠪᠣᠨ ᠵᠢᠯ | ᠳᠤ ᠪᠢᠳᠠ ᠵᠤᠷᠢᠯᠲᠠ ᠪᠠᠨ ᠮᠠᠷᠲᠠᠯ ᠦᠬᠡᠢ ᠬᠠᠳᠠᠭᠤᠵᠢᠯᠲᠠᠢ ᠲᠡᠮᠡᠴᠡᠨ᠂ ᠬᠦᠭᠵᠢᠯᠲᠡ ᠶᠢᠨ ᠵᠢᠱᠢᠯᠲᠡ ᠪᠣᠯᠣᠨ ᠣᠯᠠᠨ | ᠲᠦᠮᠡᠨ ᠤ ᠬᠦᠰᠡᠯ ᠢ ᠢᠮᠠᠭᠲᠠ ᠴᠢᠬᠤᠯᠠᠴᠢᠯᠠᠵᠤ᠂ ᠦᠨᠳᠣᠰᠣᠨ ᠱᠠᠲᠣᠨ ᠤ ᠰᠢᠨᠡᠴᠢᠯᠡᠯ ᠢᠶᠠᠷ ᠲᠡᠬᠡᠳᠣ ᠪᠣᠳᠣᠯᠭ᠎ᠠ | ᠶᠢ ᠨᠠᠶᠢᠲᠠᠪᠣᠷᠢᠵᠢᠭᠤᠯᠣᠨ᠂ ᠠᠷᠭ᠎ᠠ ᠪᠠᠷᠢᠯ ᠢᠶᠠᠨ ᠬᠤᠪᠢᠷᠠᠭᠤᠯᠣᠨ ᠪᠠᠶᠢᠳᠠᠯ ᠬᠤᠪᠢᠷᠠᠯᠲᠠ ᠶᠢ ᠣᠭᠲᠣᠵᠣ᠂ ᠪᠦᠬᠦ | ᠬᠤᠰᠢᠭᠤᠨ ᠤ ᠬᠦᠴᠦᠨ ᠪᠦᠬᠦ ᠠᠷᠠᠳ ᠤᠨ ᠣᠶᠣᠨ ᠢ ᠲᠦᠪᠯᠡᠷᠡᠬᠦᠯᠣᠨ᠂ ᠬᠦᠭᠵᠢᠯᠲᠡ ᠶᠢᠨ ᠲᠦᠪᠯᠡᠷᠡᠯ ᠠᠷᠠᠳ | ᠤᠨ ᠠᠮᠢᠳᠣᠷᠠᠯ ᠤᠨ ᠰᠠᠶᠢᠵᠢᠷᠠᠯ ᠢ ᠵᠢᠷᠣᠭᠯᠠᠵᠤ᠂ ᠲᠠᠰᠣᠷᠠᠯᠲᠠ ᠦᠬᠡᠢ ᠪᠠᠷ ᠠᠵᠣ ᠠᠬᠤᠢ ᠨᠡᠶᠢᠬᠡᠮ ᠤᠨ ᠬᠦᠭᠵᠢᠯᠲᠡ | ᠶᠢᠨ ᠰᠢᠨ᠎ᠠ ᠪᠠᠶᠢᠳᠠᠯ ᠢ ᠪᠣᠢ ᠪᠣᠯᠭᠠᠨ ᠰᠢᠨ᠎ᠡ ᠱᠠᠲᠣᠨ ᠳᠤ ᠭᠠᠷᠭᠠᠪᠠ᠃ | ᠲᠠᠪᠣᠨ ᠵᠢᠯ ᠤᠨ ᠲᠣᠷᠰᠢ᠂ ᠪᠢᠳᠠ ᠪᠣᠳᠠᠲᠣ ᠴᠣᠭᠴᠠ ᠶᠢᠨ ᠠᠵᠤ ᠠᠬᠤᠢ ᠶᠢ ᠬᠦᠴᠦᠯᠡᠨ ᠪᠣᠶᠢᠵᠢᠭᠤᠯᠵᠣ | ᠂ ᠬᠦᠴᠦ ᠪᠠᠨ ᠲᠦᠪᠯᠡᠷᠡᠬᠦᠯᠣᠨ ᠴᠢᠬᠤᠯᠠ ᠵᠦᠢᠯ ᠤᠨ ᠬᠢᠵᠠᠭᠠᠷᠯᠠᠯ ᠢ ᠰᠢᠪᠳᠣᠯᠵᠣ᠂ ᠠᠵᠣ ᠦᠢᠯᠡᠳᠪᠣᠷᠢ ᠶᠢᠨ ᠠᠵᠤ | ᠠᠬᠤᠢ ᠶᠢ ᠪᠣᠵᠠᠭᠠᠶᠢᠷᠠᠯ ᠬᠦᠴᠦᠷᠬᠡᠭᠵᠢᠯ ᠤᠨ ᠰᠢᠨ᠎ᠠ ᠱᠠᠲᠣᠨ ᠳᠤ ᠭᠠᠷᠭᠠᠪᠠ᠃ ᠢᠮᠠᠭᠲᠠ ᠠᠵᠣ ᠦᠢᠯᠡᠳᠪᠣᠷᠢ ᠶᠢᠨ | ᠲᠣᠯᠭᠠᠷᠢᠭᠤᠯᠣᠯ ᠤᠨ ᠴᠢᠩᠭᠠᠳᠬᠠᠯᠲᠠ ᠪᠠᠷ ᠠᠷᠠᠳ ᠢᠶᠠᠨ ᠪᠠᠶᠠᠵᠢᠭᠤᠯᠣᠨ ᠬᠤᠰᠢᠭᠤ ᠪᠠᠨ ᠬᠦᠴᠦᠷᠬᠡᠭᠵᠢᠬᠦᠯᠬᠦ | ᠴᠢᠬᠤᠯᠠ ᠭᠠᠷᠳᠠᠴᠠ ᠪᠣᠯᠭᠠᠨ᠂ ᠨᠡᠬᠦᠷᠡᠰᠤ ᠪᠠᠷ ᠰᠠᠭᠤᠷᠢᠯᠠᠭᠤᠯᠵᠣ ᠨᠡᠬᠦᠷᠡᠰᠣᠨ ᠴᠠᠬᠢᠯᠭᠠᠨ ᠢᠶᠠᠷ | ᠲᠣᠯᠭᠠᠭᠤᠷᠢᠯᠠᠭᠤᠯᠣᠨ ᠪᠣᠬᠢᠷᠳᠣᠯ ᠦᠬᠡᠢ ᠡᠨᠧᠷᠬᠢ ᠶᠢᠨ ᠠᠵᠣ ᠦᠢᠯᠡᠰ ᠢᠶᠠᠷ ᠨᠦᠬᠦᠪᠣᠷᠢᠯᠡᠭᠰᠡᠨ ᠰᠢᠨ᠎ᠡ ᠬᠡᠯᠪᠡᠷᠢ | ᠶᠢᠨ ᠠᠵᠤ ᠦᠢᠯᠡᠳᠪᠣᠷᠢ ᠶᠢᠨ ᠰᠢᠰᠲ᠋ᠧᠮ ᠢ ᠬᠦᠴᠦᠯᠡᠨ ᠪᠦᠷᠢᠯᠳᠣᠬᠦᠯᠵᠣ᠂ ᠠᠵᠣ ᠦᠢᠯᠡᠳᠪᠣᠷᠢ ᠶᠢᠨ ᠨᠡᠮᠡᠭᠳᠡᠯ | ᠦᠷᠲᠡᠭ ᠵᠢᠱᠢᠯᠲᠡ ᠪᠠᠷ 72 ᠳ᠋ᠦᠩᠰᠢᠭᠤᠷ ᠲᠦᠬᠦᠷᠢᠭ ᠲᠤ ᠭᠦᠷᠴᠣ᠂ ᠵᠢᠯ ᠲᠣᠳᠣᠮ 12.8% ᠪᠠᠷ ᠨᠡᠮᠡᠭᠳᠡᠪᠡ︔ | ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠰᠠᠭᠤᠷᠢᠨ ᠤ ᠡᠵᠡᠩᠨᠡᠯᠲᠡ ᠶᠢᠨ ᠣᠷᠣᠯᠭ᠎ᠠ 727.6 ᠳ᠋ᠦᠩᠰᠢᠭᠤᠷ | ᠲᠦᠬᠦᠷᠢᠭ ᠲᠤ ᠬᠦᠷᠪᠡ︔ ᠬᠦᠷᠢᠶᠡᠯᠡᠩ ᠲᠣᠭᠤᠷᠢᠭ ᠤᠨ ᠬᠦᠭᠵᠢᠯᠲᠡ ᠲᠠᠢ ᠬᠤᠯᠪᠣᠭᠳᠠᠬᠤ 31 ᠰᠠᠭᠤᠷᠢ | ᠲᠦᠯᠦᠪᠵᠢᠬᠦᠯᠭᠡ ᠵᠠᠯᠭᠠᠪᠡᠷ ᠴᠣᠬᠤᠯᠠᠪᠣᠷᠢᠯᠠᠭᠳᠠᠨ᠂ ᠬᠠᠲᠣᠨ ᠭᠤᠣᠯ ᠠᠴᠠ ᠣᠰᠣ ᠵᠠᠯᠠᠨ ᠣᠰᠣ ᠬᠠᠩᠭᠠᠬᠤ᠂ | ᠴᠠᠬᠢᠯᠭᠠᠨ ᠬᠠᠩᠭᠠᠬᠤ᠂ ᠵᠠᠮ ᠬᠠᠷᠢᠯᠴᠠᠭ᠎ᠠ ᠵᠡᠷᠬᠡ ᠰᠠᠭᠤᠷᠢ ᠲᠦᠬᠦᠭᠡᠷᠤᠮᠵᠢ ᠡᠳᠣᠷ ᠢᠷᠡᠬᠦᠶ᠎ᠠ ᠲᠡᠬᠦᠯᠳᠡᠷᠵᠢᠭᠰᠡᠨ | ᠠᠴᠠ ᠣᠯᠣᠰ ᠤᠨ ᠪᠠᠶᠢᠯᠳᠣᠬᠤ ᠪᠣᠳᠣᠯᠭ᠎ᠠ ᠶᠢᠨ ᠲᠠᠪᠬᠤᠷᠭ᠎ᠠ ᠳᠤ ᠲᠠᠪᠰᠢᠨ ᠠᠬᠢᠭᠤᠯᠣᠭᠳᠠᠪᠠ᠃ ᠲᠠᠪᠣᠨ ᠵᠢᠯ ᠳᠤ | 270 ᠡᠯ᠎ᠡ ᠲᠦᠷᠦᠯ ᠤᠨ ᠴᠣᠬᠤᠯᠠᠪᠣᠷᠢᠯᠠᠭᠤᠯᠣᠬᠤ ᠭᠠᠷᠳᠠᠮ ᠢ ᠲᠦᠪᠯᠡᠷᠡᠬᠦᠯᠣᠨ ᠬᠦᠢᠴᠡᠳᠬᠡᠵᠣ᠂ ᠳ᠋ᠦᠩᠰᠢᠭᠤᠷ | ᠲᠦᠬᠦᠷᠢᠭ ᠠᠴᠠ ᠲᠠᠪᠠᠭᠰᠠᠨ 32 ᠴᠢᠬᠤᠯᠠ ᠶᠡᠭᠡ ᠠᠵᠣ ᠦᠢᠯᠡᠳᠪᠣᠷᠢ ᠶᠢᠨ ᠲᠦᠷᠦᠯ ᠵᠦᠢᠯ ᠢ ᠬᠡᠷᠡᠭᠵᠢᠬᠦᠯᠣᠨ᠂ | ᠶᠡᠷᠣᠩᠬᠡᠢ ᠪᠡᠯᠡ ᠣᠷᠣᠭᠤᠯᠣᠯᠲᠠ 1000 ᠳ᠋ᠦᠩᠰᠢᠭᠤᠷ ᠲᠦᠬᠦᠷᠢᠭ ᠠᠴᠠ ᠲᠠᠪᠠᠵᠣ᠂ ᠪᠦᠲᠦᠮᠵᠢᠲᠠᠢ ᠪᠡᠯᠡ | ᠣᠷᠣᠭᠤᠯᠣᠯᠲᠠ 300 ᠳ᠋ᠦᠩᠰᠢᠭᠤᠷ ᠲᠦᠬᠦᠷᠢᠭ ᠲᠤ ᠬᠦᠷᠪᠡ᠃ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ | ᠴᠠᠬᠢᠯᠭᠠᠨ ᠬᠦᠷᠬᠡᠬᠦ ᠱᠤᠭᠤᠮ ᠣᠯᠣᠰ ᠤᠨ ᠠᠭᠠᠷ ᠮᠠᠨᠳᠠᠯ ᠤᠨ ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭᠠᠨ ᠤ | ᠲᠦᠯᠦᠪᠯᠡᠭᠡ ᠳᠤ ᠣᠷᠣᠵᠣ ᠵᠦᠪᠰᠢᠶᠠᠷᠠᠯ ᠣᠯᠵᠣ ᠪᠠᠶᠢᠭᠤᠯᠤᠭᠳᠠᠨ᠂ ᠨᠡᠬᠦᠷᠡᠰᠣᠨ ᠴᠠᠬᠢᠯᠭᠠᠨ ᠢ ᠭᠠᠳᠠᠭᠰᠢ ᠬᠦᠷᠬᠡᠬᠦ | ᠬᠡᠪᠴᠢᠶᠡᠵᠢᠯ 400 ᠲᠦᠮᠡᠨ ᠺᠢᠯᠤᠸᠠᠲ ᠠᠴᠠ ᠲᠣᠬᠢᠷᠠᠭᠤᠯᠣᠭᠳᠠᠨ1000 ᠲᠦᠮᠡᠨ ᠺᠢᠯᠤᠸᠠᠲ ᠲᠤ ᠬᠦᠷᠴᠦ᠂ | ᠲᠦᠬᠦᠷ ᠴᠠᠬᠢᠯᠭᠠᠨ ᠣᠶᠢᠯᠠᠳᠪᠦᠷᠢ ᠶᠢᠨ ᠲᠦᠯᠦᠪᠵᠢᠬᠦᠯᠭᠡ ᠢᠵᠢᠯ ᠠᠯᠬᠤᠮ ᠢᠶᠠᠷ ᠵᠦᠪᠰᠢᠶᠡᠷᠡᠯ ᠣᠯᠵᠣ᠂ 3 | ᠴᠠᠬᠢᠯᠭᠠᠨ ᠦᠢᠯᠡᠳᠪᠣᠷᠢ ᠶᠢᠨ ᠲᠦᠷᠦᠯ ᠵᠦᠢᠯ ᠵᠦᠪᠰᠢᠶᠡᠷᠡᠯ ᠣᠯᠵᠣ 2 ᠨᠢ ᠪᠠᠷᠢᠯᠭ᠎ᠠ ᠡᠬᠢᠯᠡᠨ᠂ | ᠲᠦᠬᠦᠷᠴᠢᠯᠡᠭᠰᠡᠨ 9 ᠨᠡᠬᠦᠷᠡᠰᠣᠨ ᠠᠭᠤᠷᠬᠠᠢ ᠶᠢᠨ 6 ᠨᠢ ᠨᠢᠬᠡᠨᠲᠡ ᠪᠠᠶᠢᠭᠤᠯᠣᠭᠳᠠᠨ᠂ ᠨᠡᠬᠦᠷᠡᠰᠣᠨ ᠭᠠᠷᠣᠯᠲᠠ | ᠨᠡᠶᠢᠲᠡ 4000 ᠲᠦᠮᠡᠨ ᠲᠣᠨ ᠬᠦᠷᠪᠡ︔ 130 ᠲᠦᠮᠡᠨ ᠲᠣᠨ ᠬᠡᠣᠷᠡᠰᠤ ᠪᠣᠯᠪᠠᠰᠣᠷᠠᠭᠤᠯᠬᠤ ᠣᠯᠠᠨ | ᠬᠤᠯᠪᠣᠭᠠᠲᠣ ᠦᠢᠯᠡᠳᠪᠣᠷᠢᠯᠡᠯ ᠤᠨ ᠲᠦᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ ᠣᠷᠣᠵᠣ᠂ ᠬᠤᠸᠠ ᠰᠢᠩ | ᠤᠨ40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠣᠶᠢᠯ ᠵᠦᠪᠰᠢᠶᠡᠷᠡᠬᠦᠯᠬᠦ | ᠵᠠᠩᠬᠢᠯᠠᠭ᠎ᠠ ᠶᠢᠨ ᠱᠠᠳᠣᠨ ᠳᠤ ᠣᠷᠣᠵᠣ᠂ 60 ᠲᠦᠮᠡᠨ ᠲᠣᠨ ᠨᠡᠬᠦᠷᠡᠰᠤ ᠪᠠᠷ ᠠᠯᠺᠸᠠ ᠤᠶᠢᠯᠡᠤᠨᠬᠦ ᠲᠦᠷᠦᠯ ᠵᠣᠶᠢᠯ | ᠤᠨ ᠡᠮᠣᠨ᠎ᠡ ᠬᠤᠭᠤᠴᠠᠭᠠᠨ ᠤ ᠠᠵᠢᠯ ᠶᠠᠭ ᠶᠠᠪᠣᠭᠳᠠᠵᠣ ᠪᠣᠢ᠃ ᠰᠢᠳᠠᠮᠠᠬᠠᠢ ᠬᠡᠢ ᠶᠢᠨ ᠬᠤᠤᠨᠳᠤᠭ ᠢ ᠰᠢᠨ᠎ᠠ ᠪᠠᠷ | 2300 ᠦᠷᠤᠮᠳᠡᠵᠤ᠂ 28 ᠬᠡᠢ ᠶᠢᠨ ᠦᠷᠲᠡᠭᠡ ᠪᠠᠶᠢᠭᠤᠯᠤᠨ᠂ ᠬᠡᠢ ᠳᠠᠮᠵᠢᠭᠤᠯᠬᠤ ᠬᠤᠭᠤᠯᠠᠢ ᠶᠢ 3300 | ᠺᠢᠯᠤᠮᠧᠲᠷ ᠲᠠᠷᠣᠵᠣ᠂ ᠰᠢᠳᠠᠮᠠᠬᠠᠢ ᠬᠡᠢ ᠶᠢᠨ ᠭᠠᠷᠤᠯᠳᠠ 245 ᠳ᠋ᠦᠩᠰᠢᠭᠤᠷ ᠺᠦᠪ ᠮᠧᠲᠷ ᠲᠤ ᠬᠦᠷᠴᠦ᠂ | ᠪᠠᠶᠢᠭᠤᠯᠣᠭᠳᠠᠭᠰᠠᠨ ᠪᠠ ᠪᠠᠶᠢᠭᠤᠯᠵᠤ ᠪᠦᠬᠦᠢ LNG ᠲᠦᠷᠦᠯ ᠵᠣᠶᠢᠯ ᠤᠨ ᠶᠡᠷᠣᠩᠬᠡᠢ ᠬᠡᠪᠴᠢᠶᠡᠵᠢᠯ 120 | ᠲᠦᠮᠡᠨ ᠲᠣᠨ ᠬᠦᠷᠪᠡ᠃ ᠲᠠᠪᠣᠨ ᠵᠢᠯ ᠤᠨ ᠬᠦᠴᠦᠯᠡᠯᠲᠡ ᠪᠠᠷ ᠬᠦᠭᠵᠢᠯᠲᠡ ᠶᠢᠨ ᠲᠠᠪᠠᠭᠤᠯᠢᠭ ᠢ ᠵᠣᠵᠠᠭᠠᠳᠬᠠᠭᠰᠠᠨ | ᠮᠦᠷᠲᠡᠭᠡᠨ ᠬᠦᠭᠵᠢᠯᠲᠡ ᠶᠢᠨ ᠬᠦᠳᠡᠯᠭᠡᠭᠴᠢ ᠬᠦᠴᠤᠨ ᠢ ᠨᠡᠮᠡᠭᠳᠡᠬᠦᠯᠣᠭ᠍ᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠮᠠᠯ ᠲᠠᠷᠢᠶᠠᠯᠠᠩ ᠤᠨ ᠬᠠᠩᠭᠠᠯᠠᠭ᠎ᠠ ᠶᠢᠨ ᠲᠠᠯ᠎ᠠ ᠶᠢ ᠬᠦᠴᠦᠯᠡᠨ | ᠰᠢᠯᠢᠳᠡᠭᠵᠢᠬᠦᠯᠵᠣ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠣᠯᠲᠠ ᠶᠢ ᠬᠦᠨᠵᠡᠬᠡᠢ ᠠᠬᠢᠭᠤᠯᠵᠣ᠂ ᠣᠳᠣ | ᠦᠶ᠎ᠡ ᠶᠢᠨ ᠮᠠᠯ ᠲᠠᠷᠢᠶᠠᠯᠠᠩ ᠤᠨ ᠦᠢᠯᠡᠰ ᠢ ᠴᠢᠨᠠᠷ ᠤᠨ ᠳᠡᠬᠡᠭᠰᠢᠯᠡᠯ ᠦᠷ᠎ᠡ ᠠᠰᠢᠭ ᠤᠨ ᠨᠡᠮᠡᠭᠳᠡᠯ ᠤᠨ ᠰᠢᠨ᠎ᠠ | ᠱᠠᠲᠣᠨ ᠳᠤ ᠭᠠᠷᠭᠠᠪᠠ᠃ ᠮᠠᠯ ᠲᠠᠷᠢᠶᠠᠯᠠᠩ ᠤᠨ ᠦᠷ᠎ᠡ ᠠᠰᠢᠭ ᠤᠨ ᠨᠡᠮᠡᠭᠳᠡᠯ᠂ ᠮᠠᠯᠴᠢᠨ ᠲᠠᠷᠢᠶᠠᠴᠢᠳ ᠤᠨ | ᠣᠷᠣᠯᠭ᠎ᠠ ᠶᠢᠨ ᠨᠡᠮᠡᠭᠳᠡᠯ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠰᠠᠶᠢᠵᠢᠷᠠᠯᠲᠠ ᠶᠢ ᠢᠮᠠᠭᠲᠠ ︽ | ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠰᠠᠭᠤᠳᠠᠯ ᠢ ᠰᠢᠢᠳᠪᠣᠷᠢᠯᠡᠬᠦ | ᠴᠢᠬᠤᠯᠠ ᠭᠠᠷᠳᠠᠴᠠ ᠪᠣᠯᠭᠠᠨ᠂ ᠲᠠᠷᠢᠵᠣ ᠲᠡᠵᠢᠬᠡᠬᠦ ᠪᠦᠲᠦᠴᠡ ᠶᠢᠨ ᠲᠣᠬᠢᠷᠠᠭᠤᠯᠣᠯᠲᠠ ᠪᠠᠷ ᠬᠠᠩᠭᠠᠯᠠᠭ᠎ᠠ ᠶᠢᠨ | ᠲᠠᠯ᠎ᠠ ᠶᠢ ᠰᠢᠯᠢᠳᠡᠭᠵᠢᠬᠦᠯᠵᠣ᠂ ᠲᠠᠭᠤᠷᠢᠶᠠᠯ ᠲᠠᠶᠢᠴᠢᠯᠠᠯᠲᠠ ᠪᠠᠷ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠬᠦᠯᠣᠨ᠂ ᠠᠮᠣ ᠪᠣᠳᠠᠭᠠᠠᠵᠣ ᠠᠬᠤᠢ ᠶᠢᠨ ᠲᠠᠷᠢᠮᠠᠯ ᠲᠡᠵᠢᠬᠡᠯ ᠡᠪᠡᠰᠣ ᠪᠣᠷᠳᠤᠭ᠎ᠠ ᠶᠢᠨ ᠬᠠᠷᠢᠴᠠᠯ ᠢ | 2012 ᠤᠨ ᠤ 73᠄ 11᠄ 16 ᠠᠴᠠ ᠰᠢᠯᠢᠳᠡᠭᠵᠢᠬᠦᠯᠣᠨ 54᠄ 18᠄ 28 ᠪᠣᠯᠭᠠᠵᠤ᠂ ᠣᠨᠴᠠᠯᠢᠭᠲᠣ | ᠠᠵᠣ ᠠᠬᠤᠢ ᠶᠢᠨ ᠲᠠᠷᠢᠮᠠᠯ ᠢ 10 ᠲᠦᠮᠡᠨ ᠮᠣ᠋ ᠠᠴᠠ ᠲᠠᠪᠠᠭᠤᠯᠣᠨ᠂ 24 ᠲᠦᠮᠡᠨ ᠮᠣ᠋ ᠬᠡᠪᠴᠢᠶᠡᠵᠢᠭᠰᠡᠨ ᠲᠠᠷᠢᠮᠠᠯ | ᠤᠨ ᠰᠠᠭᠤᠷᠢᠨ᠂ 22 ᠲᠦᠮᠡᠨ ᠮᠣ᠋ ᠴᠢᠨᠠᠷ ᠰᠠᠶᠢᠲᠠᠢ ᠲᠡᠵᠢᠬᠡᠯ ᠡᠪᠡᠰᠣ ᠪᠣᠷᠳᠣᠭᠠᠨ ᠰᠠᠭᠤᠷᠢᠨ ᠢ ᠪᠠᠶᠢᠭᠤᠯᠵᠣ᠂ | ᠵᠢᠯ ᠪᠤᠯᠭᠠᠨ ᠲᠤᠭᠳᠠᠪᠤᠷᠢᠳᠠᠢ ᠪᠠᠷ 140 ᠲᠦᠮᠡᠨ ᠪᠤᠭ ᠮᠠᠯ ᠪᠤᠷᠤᠯᠠᠭᠤᠯᠤᠨ᠂ 11.8 ᠲᠦᠮᠡᠨ ᠠᠯᠠᠰᠢᠨ ᠦᠬᠡᠷ | ᠪᠤᠷᠳᠤᠬᠤ ᠬᠡᠪᠴᠢᠶᠡᠵᠢᠯ ᠲᠠᠢ ᠪᠤᠯᠪᠠ︔ ᠠᠵᠣ ᠦᠢᠯᠡᠰ ᠤᠨ ᠪᠦᠲᠣᠴᠡ ᠶᠢᠨ ᠲᠣᠬᠢᠷᠠᠭᠤᠯᠣᠯᠲᠠ ᠶᠢᠨ ᠲᠠᠭᠤᠷᠢᠶᠠᠯ | ᠭᠠᠴᠠᠭ᠎ᠠ ᠲᠣᠰᠬᠤᠨ ᠢ 25᠂ ᠲᠡᠵᠢᠬᠡᠪᠣᠷᠢ ᠶᠢᠨ ᠬᠦᠷᠢᠶᠡᠯᠡᠩ ᠢ 13᠂ ᠭᠡᠷ ᠪᠥᠯᠢ ᠶᠢᠨ ᠮᠠᠯ ᠲᠠᠷᠢᠶᠠᠯᠠᠩ ᠤᠨ | ᠲᠠᠯᠠᠪᠠᠢ ᠶᠢ 510 ᠬᠦᠷᠬᠡᠨ᠂ ᠮᠠᠯ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠬᠦᠨᠵᠡᠬᠡᠢ ᠲᠣᠬᠢᠷᠠᠭᠤᠯᠪᠠ᠃ | ᠲᠠᠶᠢᠴᠢᠯᠠᠭᠴᠢ ᠪᠣᠶᠢᠵᠢᠭᠤᠯᠣᠨ ︽ᠵᠢᠷᠭᠤᠭᠠᠵᠢᠯᠲᠠ ᠶᠢᠨ ᠬᠤᠯᠪᠣᠭᠠᠯᠠᠯ︾ ᠢ ᠠᠬᠢᠭᠤᠯᠵᠣ᠂ ᠨᠡᠷᠡᠳᠣ ᠲᠡᠮᠲᠡᠭ ᠢᠶᠠᠷ | ᠵᠠᠬ᠎ᠠ ᠳᠡᠯᠬᠡᠬᠦᠷ ᠨᠡᠬᠡᠬᠡᠵᠣ᠂ ᠬᠤᠳᠠ ᠶᠢᠨ ᠳᠡᠰ ᠠᠴᠠ ᠲᠡᠬᠡᠭᠰᠢᠬᠢ ᠳᠤᠯᠤᠭᠠᠶᠢᠯᠠᠭᠴᠢ ᠠᠵᠤ ᠠᠬᠤᠶᠢᠯᠠᠯ ᠢ 24᠂ | ᠮᠠᠯᠴᠢᠨ ᠳᠠᠷᠢᠶᠠᠴᠢᠤᠨ ᠤᠨ ᠳᠤᠰᠬᠠᠢ ᠬᠠᠮᠳᠤᠷᠠᠯ ᠬᠤᠷᠰᠢᠶ᠎ᠠ ᠶᠢ 290 ᠪᠤᠶᠢᠵᠢᠭᠤᠯᠵᠤ᠂ ᠠᠯᠠᠰᠢᠨ ᠪᠣᠭ ᠮᠠᠯ᠂ | ᠠᠯᠠᠰᠢᠨ ᠦᠬᠡᠷ ᠡᠳ᠋ᠰᠢᠬᠦᠯᠬᠦ ᠴᠢᠳᠠᠪᠣᠷᠢ ᠶᠢ 40 ᠲᠦᠮᠡ ᠪᠠ 2 ᠲᠦᠮᠡᠨ ᠲᠣᠯᠣᠭᠠᠢ ᠳᠤ ᠬᠦᠷᠬᠡᠪᠡ︔ ᠮᠠᠯ ᠤᠨ | ᠡᠬᠦᠯᠳᠡᠷ ᠰᠠᠶᠢᠵᠢᠷᠠᠭᠤᠯᠬᠤ ᠪᠠ ᠬᠡᠭᠡᠯᠳᠥᠭᠦᠯᠭᠦ ᠦᠷᠲᠡᠭᠡ 21 ᠪᠠᠶᠢᠭᠤᠯᠣᠨ᠂ ᠮᠠᠯ ᠲᠠᠷᠢᠶᠠᠯᠠᠩ ᠤᠨ ᠠᠰᠢᠭ ᠰᠢᠮ᠎ᠡ | ᠶᠢᠨ 3 ᠵᠠᠬ᠎ᠠ ᠲᠡᠯᠭᠡᠬᠦᠷ ᠢ ᠰᠢᠨ᠎ᠠ ᠪᠠᠶᠢᠭᠤᠯᠵᠣ᠂ ︽ᠭᠤᠷᠪᠠᠨ ᠪᠦᠳᠤᠬᠡᠭᠳᠡᠬᠦᠨ ᠨᠢᠬᠡ ᠢᠯᠡᠤᠨᠬᠡᠯ ᠳᠠᠩᠰᠠᠯᠠᠯᠳᠠ︾ | ᠲᠠᠢ ᠪᠦᠳᠤᠬᠡᠭᠳᠡᠬᠦᠨ ᠢ 12 ᠂ ᠤᠷᠭᠠᠨᠢᠭ ᠪᠡᠯᠴᠢᠬᠡᠷ ᠢ 560 ᠲᠦᠮᠡᠨ ᠮᠤ᠋ ᠬᠡᠷᠡᠴᠢᠯᠡᠬᠦᠯᠤᠨ᠂ ᠮᠠᠯ ᠲᠠᠷᠢᠶᠠᠯᠠᠩ | ᠤᠨ 19 ᠨᠡᠷᠡᠲᠣ ᠲᠡᠮᠳᠡᠭᠲᠣ ᠪᠦᠲᠤᠬᠡᠭᠳᠡᠬᠦᠨ ᠢ ᠪᠣᠶᠢᠵᠢᠭᠤᠯᠵᠤ᠂ ᠮᠠᠯᠴᠢᠨ ᠲᠠᠷᠢᠶᠠᠴᠢᠳ ᠪᠣᠯᠣᠨ ᠠᠵᠤ ᠠᠬᠤᠶᠢᠯᠠᠯ | ᠤᠨ ᠠᠰᠢᠭ ᠲᠣᠰᠠ ᠶᠢᠨ ᠬᠤᠯᠪᠣᠭᠠᠯᠠᠯ ᠢ ᠣᠯᠠᠮ ᠨᠢᠭᠲᠠᠷᠠᠭᠤᠯᠣᠨ᠂ ᠮᠠᠯᠴᠢᠨ ᠳᠠᠷᠢᠶᠠᠴᠢᠤᠨ ᠤᠨ ᠬᠦᠮᠤᠨ ᠳᠤᠮᠳᠠᠴᠢ | ᠶᠢᠨ ᠡᠵᠡᠮᠳᠡᠵᠤ ᠪᠤᠯᠬᠤ ᠤᠷᠤᠯᠭ᠎ᠠ ᠦᠷᠬᠦᠯᠵᠢᠯᠡᠨ 13 ᠵᠢᠯ ᠪᠦᠬᠦ ᠬᠤᠳᠠ ᠳᠤ ᠪᠠᠨ ᠳᠠᠷᠢᠬᠦᠯᠡᠪᠡ᠃ ᠲᠡᠷᠢᠬᠦᠨ ᠤ | ᠦᠢᠯᠡᠳᠪᠣᠷᠢᠯᠡᠯ ᠤᠨ ᠬᠦᠴᠦ ᠪᠠᠷ ᠮᠠᠯ ᠲᠠᠷᠢᠶᠠᠯᠠᠩ ᠤᠨ ᠥᠢᠯᠡ ᠶᠢ ᠲᠣᠨᠣᠭᠯᠠᠵᠣ᠂ ᠣᠳᠣ ᠦᠶ᠎ᠡ ᠶᠢᠨ ᠬᠡᠷᠡᠭᠯᠡᠬᠡᠨ | ᠤ ᠰᠢᠨᠵᠢᠯᠡᠭᠡ ᠮᠡᠷᠬᠡᠵᠢᠯ ᠪᠣᠯᠣᠨ ᠦᠬᠡᠷᠡᠴᠢᠯᠡᠯ ᠰᠢᠨᠡᠴᠢᠯᠡᠯ ᠤᠨ ᠪᠦᠲᠦᠬᠡᠯ ᠢᠶᠠᠷ ᠮᠠᠯ ᠲᠠᠷᠢᠶᠠᠯᠠᠩ ᠢ ᠠᠬᠢᠭᠤᠯᠵᠣ᠂ | ᠮᠠᠰᠢᠨᠴᠢᠯᠠᠯᠲᠠ ᠶᠢᠨ ᠨᠣᠷᠮ᠎ᠠ 85% ᠳᠤ ᠬᠦᠷᠣᠨ᠂ ᠮᠠᠯ ᠲᠠᠷᠢᠶᠠᠯᠠᠩ ᠤᠨ 58 ᠲᠦᠷᠦᠯ ᠤᠨ ᠮᠡᠷᠬᠡᠵᠢᠯ ᠤᠨ | ᠡᠬᠦᠳᠣᠯᠲᠡ ᠣᠯᠣᠰ ᠤᠨ ᠲᠣᠰᠬᠠᠢ ᠠᠰᠢᠭ ᠣᠯᠵᠣ᠂ ᠰᠢᠨᠵᠢᠯᠡᠭᠡ ᠮᠡᠷᠬᠡᠵᠢᠯ ᠤᠨ ᠬᠤᠪᠢ ᠨᠡᠮᠡᠷᠢ 70% ᠬᠦᠷᠴᠤ᠂ | ᠪᠦᠬᠦ ᠣᠯᠣᠰ ᠤᠨ ᠠᠩᠬᠠᠳᠠᠭᠴᠢ ᠪᠦᠯᠦᠭᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠣᠯᠲᠡ ᠶᠢᠨ ᠲᠠᠭᠤᠷᠢᠶᠠᠯ | ᠬᠤᠰᠢᠭᠤ ᠶᠢ ᠠᠮᠵᠢᠯᠲᠠ ᠲᠠᠢ ᠴᠣᠭᠴᠠᠯᠠᠪᠠ᠃ ᠮᠠᠯᠵᠢᠬᠤ ᠲᠠᠷᠢᠶᠠᠯᠠᠬᠤ ᠣᠷᠣᠨ ᠤ ︽ᠵᠢᠷᠭᠤᠭᠠᠠ ᠡᠷᠬᠡ ᠶᠢ ᠬᠠᠮᠲᠣ | ᠳᠤ ᠨᠢ ᠲᠣᠳᠣᠷᠬᠠᠶᠢᠯᠠᠬᠤ︾᠂ ᠨᠣᠲᠤᠭ ᠪᠡᠯᠴᠢᠭᠡᠷ ᠤᠨ ︽ᠭᠤᠷᠪᠠᠨ ᠡᠷᠭᠡ ᠶᠢᠨ ᠲᠤᠰᠠᠭᠠᠷᠯᠠᠯ︾᠂ ᠠᠯᠠᠰᠢᠨ ᠮᠠᠯ | ᠤᠨ ᠪᠦᠬᠦ ᠠᠵᠣ ᠦᠢᠯᠡᠰ ᠤᠨ ᠬᠡᠯᠬᠢᠶᠡᠨ ᠤ ᠭᠡᠳᠡᠷᠭᠦ ᠨᠡᠭᠡᠮᠵᠢᠯᠡᠭᠦ ᠰᠢᠰᠲ᠋ᠧᠮ᠂ ᠭᠠᠵᠠᠷ ᠲᠣᠣᠷᠠᠬᠢ ᠣᠰᠣᠨ ᠤ ︽ | ᠶᠡᠷᠣᠩᠬᠡᠢ ᠬᠡᠮᠵᠢᠶ᠎ᠡ ᠶᠢ ᠬᠢᠵᠠᠭᠠᠷᠯᠠᠨ᠂ ᠨᠣᠷᠮᠠᠴᠢᠯᠠᠨ ᠬᠠᠮᠢᠶᠠᠷᠬᠤ︾ ᠵᠡᠷᠬᠡ ᠰᠢᠨᠡᠴᠢᠯᠡᠯᠲᠡ ᠶᠢᠨ ᠦᠷ᠎ᠡ ᠪᠦᠲᠦᠭᠡᠯ | ᠪᠦᠬᠦ ᠬᠤᠲᠠ ᠶᠢᠨ ᠲᠡᠷᠢᠬᠦᠨ ᠤ ᠡᠩᠨᠡᠬᠡᠨ ᠳᠤ ᠣᠷᠣᠵᠣ᠂ ᠨᠣᠲᠤᠭ ᠪᠡᠯᠴᠢᠬᠡᠷ ᠤᠨ 3S ᠮᠡᠷᠬᠡᠵᠢᠯ ᠤᠨ | ᠬᠦᠳᠡᠯᠣᠩᠬᠦᠢ ᠬᠡᠮᠵᠢᠯᠲᠡ ᠶᠢ ᠣᠯᠣᠰ ᠤᠨ ᠲᠠᠷᠢᠶᠠᠯᠠᠩ ᠤᠨ ᠶᠠᠮᠣᠨ ᠠᠴᠠ ᠮᠡᠳᠡᠷᠡᠨ ᠲᠦᠭᠡᠮᠡᠯᠵᠢᠬᠦᠯᠪᠡ᠃ ᠲᠠᠪᠣᠨ | ᠵᠢᠯ ᠤᠨ ᠨᠢᠮᠪᠡᠢ ᠪᠠᠶᠢᠷᠢᠰᠢᠭᠤᠯᠣᠯᠲᠠ ᠪᠠᠷ ᠮᠠᠯ ᠲᠠᠷᠢᠶᠠᠯᠠᠩ ᠤᠨ ᠰᠠᠭᠤᠷᠢ ᠶᠢ ᠪᠠᠬᠢᠵᠢᠬᠦᠯᠣᠭ᠍ᠰᠡᠨ ᠮᠦᠷᠲᠡᠬᠡᠨ ᠮᠠᠯᠴᠢᠨ | ᠲᠠᠷᠢᠶᠠᠴᠢᠳ ᠤᠨ ᠣᠷᠣᠯᠭ᠎ᠠ ᠶᠢ ᠦᠷᠬᠦᠯᠵᠢᠯᠡᠨ ᠨᠡᠮᠡᠭᠳᠡᠬᠦᠯᠣᠭ᠍ᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠣᠯᠠᠨ ᠶᠠᠩᠵᠣᠲᠣ ᠬᠡᠷᠡᠭᠯᠡᠬᠡᠨ ᠤ ᠱᠠᠭᠠᠷᠳᠠᠯᠭ᠎ᠠ ᠶᠢ ᠬᠦᠴᠦᠯᠡᠨ | ᠬᠠᠩᠭᠠᠵᠣ᠂ ᠣᠨᠣᠪᠴᠢᠲᠠᠢ ᠪᠣᠳᠣᠯᠭ᠎ᠠ ᠪᠠᠷ ᠲᠣᠲᠠᠭᠤᠳᠠᠯ ᠢᠶᠠᠨ ᠨᠦᠬᠦᠪᠣᠷᠢᠯᠡᠵᠤ᠂ ᠣᠳᠣ ᠦᠶ᠎ᠡ ᠶᠢᠨ | ᠦᠢᠯᠡᠴᠢᠯᠡᠬᠡᠨ ᠤ ᠦᠢᠯᠡᠰ ᠢ ᠣᠯᠠᠨ ᠡᠰᠢᠵᠢᠬᠦᠯᠣᠨ ᠲᠡᠬᠡᠭᠰᠢᠯᠡᠬᠦᠯᠵᠣ ᠰᠢᠨ᠎ᠠ ᠱᠠᠲᠣᠨ ᠳᠤ ᠭᠠᠷᠭᠠᠪᠠ᠃ ᠣᠳᠣ | ᠦᠶ᠎ᠡ ᠶᠢᠨ ᠦᠢᠯᠡᠴᠢᠯᠡᠬᠡᠨ ᠤ ᠦᠢᠯᠡᠰ ᠤᠨ ᠡᠷᠡᠬᠦᠯ ᠬᠦᠭᠵᠢᠯᠲᠡ ᠶᠢ ᠢᠮᠠᠭᠲᠠ ᠠᠵᠣ ᠠᠬᠤᠢ ᠶᠢᠨ ᠪᠦᠲᠦᠴᠡ ᠶᠢᠨ | ᠲᠣᠬᠢᠷᠠᠭᠤᠯᠣᠯᠲᠠ ᠶᠢᠨ ᠴᠢᠬᠤᠯᠠ ᠭᠠᠷᠳᠠᠴᠠ ᠪᠣᠯᠭᠠᠨ᠂ ᠦᠨᠳᠣᠷ ᠦᠷᠲᠡᠭᠲᠣ ᠰᠢᠨ᠎ᠡ ᠬᠡᠯᠪᠡᠷᠢ ᠶᠢᠨ ᠡᠵᠡᠩᠨᠡᠯᠲᠡ | ᠶᠢ ᠬᠦᠴᠦᠯᠡᠨ ᠪᠣᠶᠢᠵᠢᠭᠤᠯᠵᠣ᠂ ᠭᠤᠷᠪᠠᠳᠤᠭᠠᠷ ᠠᠵᠣ ᠦᠢᠯᠡᠰ ᠤᠨ ᠨᠡᠮᠡᠭᠳᠡᠯ ᠦᠷᠲᠡᠭ ᠢ 2012 ᠣᠨ ᠤ 29.9 | ᠳ᠋ᠦᠩᠰᠢᠭᠤᠷ ᠲᠦᠬᠦᠷᠢᠭ ᠠᠴᠠ ᠨᠡᠮᠡᠭᠳᠡᠬᠦᠯᠣᠨ 46 ᠳ᠋ᠦᠩᠰᠢᠭᠤᠷ ᠲᠦᠬᠦᠷᠢᠭ ᠲᠤ ᠬᠦᠷᠭᠡᠵᠣ᠂ ᠵᠢᠯ ᠲᠣᠳᠣᠮ 8. | 9% ᠪᠠᠷ ᠨᠡᠮᠡᠭᠳᠡᠭᠦᠯᠪᠡ᠃ ᠵᠢᠭᠤᠯᠴᠢᠯᠠᠯ ᠤᠨ ᠦᠢᠯᠡᠰ ᠢ ︽ᠦᠵᠡᠮᠵᠢ ᠶᠢᠨ ᠣᠷᠣᠨ ᠤ ᠵᠢᠭᠤᠯᠴᠢᠯᠠᠯ︾ ᠠᠴᠠ ︽ | ᠪᠦᠬᠦ ᠴᠠᠷᠠᠭᠠᠨ ᠤ ᠵᠢᠭᠤᠯᠴᠢᠯᠠᠯ︾ ᠲᠡᠰᠢ ᠬᠦᠨᠵᠡᠬᠡᠢ ᠬᠤᠪᠢᠷᠠᠭᠤᠯᠵᠣ᠂ ᠰᠣᠶᠣᠯ ᠵᠢᠭᠤᠯᠴᠢᠯᠠᠯ ᠤᠨ ᠪᠦᠯᠦᠭᠯᠡᠯ | ᠪᠠᠶᠢᠭᠤᠯᠣᠨ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠰᠣᠷᠪᠣᠯᠵᠢ ᠶᠢ ᠨᠢᠬᠡᠳᠣᠯᠲᠠᠢ ᠲᠣᠬᠢᠷᠠᠭᠤᠯᠵᠣ᠂ | ᠦᠪᠡᠷᠳᠡᠬᠡᠨ ᠵᠠᠰᠠᠬᠤ ᠣᠷᠣᠨ ᠤ ᠣᠨᠴᠠᠯᠢᠭᠲᠣ ᠦᠵᠡᠮᠵᠢ ᠶᠢᠨ ᠵᠢᠭᠤᠯᠴᠢᠯᠠᠯ ᠤᠨ ᠨᠡᠷᠡᠲᠣ ᠪᠠᠯᠭᠠᠰᠣ ᠶᠢ 3᠂ | ᠬᠦᠳᠡᠭᠡ ᠲᠣᠰᠬᠤᠨ ᠤ ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠣᠰᠬᠤᠨ ᠢ 10᠂ ᠡᠷᠣᠬᠡ ᠳᠤ ᠬᠤᠨᠣᠭᠯᠠᠬᠤ | ᠵᠢᠭᠤᠯᠴᠢᠯᠠᠯ ᠢ 186 ᠪᠠᠶᠢᠭᠤᠯᠵᠣ᠂ ᠭᠤᠯᠤᠮᠳᠠ ᠭᠠᠯ ᠰᠣᠶᠣᠯ ᠤᠨ ᠨᠠᠶᠢᠷ᠂ ᠴᠠᠬᠢᠷᠮ᠎ᠠ ᠴᠡᠴᠡᠭᠤᠨ ᠨᠠᠶᠢᠷ᠂ ᠲᠠᠯ᠎ᠠ | ᠨᠣᠲᠤᠭ ᠤᠨ ᠲᠣᠷᠭᠠᠨ ᠵᠠᠮ ᠨᠠᠶᠢᠷᠠᠯ ᠲᠠᠭᠤᠨ ᠤ ᠴᠣᠭᠯᠠᠭᠠᠨ ᠵᠡᠷᠬᠡ ᠭᠤᠣᠯ ᠰᠡᠳᠣᠪᠲᠣ ᠠᠵᠢᠯᠯᠠᠭ᠎ᠠ ᠨᠢ ᠠᠯᠳᠠᠷᠰᠢᠯ | ᠢ ᠲᠡᠭᠡᠭᠰᠢᠯᠡᠬᠦᠯᠣᠨ ᠠᠷᠠᠯᠵᠢᠶ᠎ᠠ ᠶᠢ ᠬᠦᠭᠵᠢᠬᠡᠬᠦ ᠪᠠᠶᠠᠷ ᠨᠠᠶᠢᠷ ᠤᠨ ᠵᠢᠭᠤᠯᠴᠢᠯᠠᠯ ᠤᠨ ᠨᠡᠷᠡᠲᠣ ᠲᠡᠮᠲᠡᠭ ᠪᠣᠯᠪᠠ᠃ | ᠲᠠᠪᠣᠨ ᠵᠢᠯ ᠳᠤ ᠣᠯᠣᠰ ᠤᠨ ᠲᠣᠳᠣᠭᠠᠳᠣ ᠭᠠᠳᠠᠭᠠᠳᠣ ᠶᠢᠨ 282.4 ᠲᠦᠮᠡᠨ ᠬᠦᠮᠦᠨ ᠣᠳᠠᠭ᠎ᠠ ᠶᠢᠨ | ᠵᠢᠭᠤᠯᠴᠢᠯᠠᠭᠰᠠᠳ ᠢ ᠬᠦᠯᠢᠶᠡᠨ ᠵᠤᠴᠢᠯᠡᠵᠤ᠂ 76 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ | ᠶᠡᠷᠣᠩᠬᠡᠶᠢᠯᠡᠭᠰᠡᠨ ᠣᠷᠣᠯᠭ᠎ᠠ ᠣᠯᠵᠣ᠂ ᠵᠢᠯ ᠲᠣᠳᠣᠮ 31.5% ᠪᠠᠷ ᠨᠡᠮᠡᠭᠳᠡᠨ᠂ ᠥᠭᠬᠢᠶᠡᠮᠥᠷ ᠨᠠᠶᠢᠷᠠᠮᠳᠠᠭᠤ ᠲᠠᠯ᠎ᠠ | ᠨᠤᠳᠤᠭ᠂ ᠥᠵᠡᠰᠭᠦᠯᠡᠩᠳᠤ ᠰᠠᠶᠢᠬᠠᠨ ᠡᠮᠥᠨᠡᠳᠥ ᠤᠳᠤᠭ ᠤᠨ ᠠᠯᠳᠠᠷᠰᠢᠯ ᠢᠯᠡᠳᠲᠡ ᠲᠡᠬᠡᠭᠰᠢᠯᠡᠪᠡ᠃ ᠣᠲᠣ ᠦᠶ᠎ᠡ | ᠶᠢᠨ ᠪᠣᠳᠠᠰ ᠤᠨ ᠬᠦᠢᠯᠬᠡᠬᠡ᠂ ᠰᠦᠯᠵᠢᠶᠡᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢ ︽ᠭᠠᠭᠴᠠ ᠬᠤᠶᠠᠷ︾ | ᠠᠴᠠ ︽ᠲᠦᠬᠡᠮᠡᠯ ᠴᠢᠨᠠᠷᠯᠢᠭ︾ ᠲᠡᠰᠢ ᠬᠦᠨᠵᠡᠬᠡᠢ ᠬᠤᠪᠢᠷᠠᠭᠤᠯᠵᠣ᠂ ᠢᠨᠲ᠋ᠧᠷ ᠰᠦᠯᠵᠢᠶᠡᠨ ᠠᠵᠣ ᠠᠬᠤᠢ ᠦᠷᠨᠢᠨ | ᠬᠦᠭᠵᠢᠵᠣ᠂ ᠱᠦᠨ ᠹᠧᠩ᠂ ᠵᠦᠩ ᠲᠦᠩ ᠵᠡᠷᠬᠡ 30 ᠭᠠᠷᠣᠢ ᠲᠦᠷᠭᠡᠨ ᠬᠦᠷᠭᠡᠯᠲᠡ ᠪᠣᠳᠠᠰ ᠤᠨ ᠬᠦᠢᠯᠭᠡᠭᠡᠨ ᠤ | ᠠᠵᠤ ᠠᠬᠤᠶᠢᠯᠠᠯ ᠪᠦᠬᠦ ᠬᠤᠰᠢᠭᠤᠨ ᠳᠤ ᠲᠦᠬᠡᠮᠡᠯᠵᠢᠵᠣ᠂ ᠣᠯᠠᠨ ᠲᠦᠮᠡᠨ ᠠᠰᠢᠭ ᠬᠦᠷᠲᠡᠨ ᠦᠢᠯᠡᠳᠪᠣᠷᠢᠯᠡᠯ | ᠠᠮᠢᠳᠣᠷᠠᠯ ᠤᠨ ᠦᠪᠡᠷ ᠤᠨ ᠦᠷᠲᠡᠭ ᠪᠠᠭᠤᠷᠠᠪᠠ︔ ᠦᠪᠡᠷᠳᠡᠭᠡᠨ ᠵᠠᠰᠠᠬᠤ ᠣᠷᠣᠨ ᠤ ᠰᠦᠯᠵᠢᠶᠡᠨ ᠬᠤᠳᠠᠯᠳᠣᠭᠠᠨ | ᠤ ᠲᠠᠭᠤᠷᠢᠶᠠᠯ ᠰᠠᠭᠤᠷᠢᠨ ᠢᠶᠠᠷ ᠠᠮᠵᠢᠯᠲᠠ ᠲᠠᠢ ᠮᠡᠳᠡᠬᠦᠯᠵᠣ᠂ ᠲᠣᠮᠳᠠᠳᠣ ᠣᠯᠣᠰ ᠤᠨ ᠸᠠᠩ ᠺᠦ᠋᠂ ᠯᠧ ᠼᠦᠨ | ᠲᠣᠣ ᠵᠡᠷᠬᠡ ᠪᠦᠬᠦ ᠣᠯᠣᠰ ᠤᠨ ᠰᠦᠯᠵᠢᠶᠡᠨ ᠬᠤᠳᠠᠯᠳᠣᠭᠠᠨ ᠤ ᠨᠡᠷᠡᠲᠣ ᠲᠠᠪᠴᠠᠩ ᠢ ᠣᠷᠣᠭᠤᠯᠣᠨ ᠠᠪᠴᠢᠷᠠᠵᠣ᠂ | ᠣᠯᠣᠰ ᠤᠨ ᠠᠵᠣ ᠦᠢᠯᠡᠳᠪᠣᠷᠢ ᠪᠣᠯᠣᠨ ᠵᠠᠩᠬᠢᠴᠢᠯᠠᠯᠲᠠ ᠶᠢᠨ ᠶᠠᠮᠣᠨ ᠤ ︽ ᠲᠡᠬᠦᠯᠢᠯᠲᠡ ᠲᠦᠯᠦᠪᠯᠡᠭᠡ︾ ᠶᠢᠨ | ᠬᠠᠮᠳᠣᠷᠠᠯᠴᠠᠭᠠᠨ ᠤ ᠲᠦᠷᠦᠯ ᠵᠦᠢᠯ ᠪᠣᠯᠬᠤ ︽ᠲᠣᠮᠳᠠᠳᠣ ᠣᠯᠣᠰ ᠤᠨ ᠮᠠᠯ ᠤᠨ ᠮᠢᠬ᠎ᠠ ᠶᠢᠨ ᠠᠵᠤ ᠦᠢᠯᠡᠰ ᠤᠨ | ᠰᠦᠯᠵᠢᠶᠡᠨ ᠠᠷᠠᠯᠵᠢᠶᠠᠨ ᠤ ᠲᠠᠪᠴᠠᠩ︾ ᠠᠵᠢᠯᠯᠠᠵᠣ ᠡᠬᠢᠯᠡᠨ᠂ ᠣᠷᠣᠨ ᠨᠣᠳᠤᠭ ᠤᠨ ᠲᠠᠸᠠᠷ ᠪᠦᠬᠦ ᠣᠯᠣᠰ ᠤᠨ | ᠵᠠᠬ᠎ᠠ ᠳᠤ ᠭᠠᠷᠴᠣ᠂ ᠰᠦᠯᠵᠢᠶᠡᠨ ᠪᠣᠷᠣᠯᠠᠭᠤᠯᠭ᠎ᠠ ᠶᠢᠨ ᠣᠷᠣᠯᠭ᠎ᠠ 2 ᠳ᠋ᠦᠩᠰᠢᠭᠤᠷ ᠲᠦᠬᠦᠷᠢᠭ ᠲᠤ ᠬᠦᠷᠪᠡ᠃ | ᠬᠤᠪᠢᠰᠬᠠᠯᠲᠣ ᠬᠦᠮᠦᠵᠢᠯ ᠤᠨ ᠰᠣᠷᠪᠣᠯᠵᠢ ᠶᠢ ︽ ᠲᠡᠣᠬᠡ ᠶᠢᠨ ᠦᠯᠡᠳᠡᠭᠳᠡᠯ︾ ᠠᠴᠠ ︽ ᠬᠤᠪᠢᠰᠬᠠᠯᠲᠣ | ᠬᠦᠮᠦᠵᠢᠯ ᠤᠨ ᠠᠵᠣ ᠦᠢᠯᠡᠰ︾ ᠲᠡᠰᠢ ᠬᠦᠨᠵᠡᠬᠡᠢ ᠬᠤᠪᠢᠷᠠᠭᠤᠯᠵᠣ᠂ ᠪᠦᠬᠦ ᠬᠤᠰᠢᠭᠤᠨ ᠤ ᠬᠦᠴᠦᠨ ᠢ | ᠬᠠᠮᠳᠣᠳᠬᠠᠨ ︽1+6︾ ᠬᠤᠪᠢᠰᠬᠠᠯᠲᠣ ᠬᠦᠮᠦᠵᠢᠯ ᠪᠣᠯᠪᠠᠰᠣᠷᠠᠯ ᠤᠨ ᠰᠠᠭᠤᠷᠢᠨ ᠢ ᠴᠣᠭᠴᠠᠯᠠᠵᠣ᠂ | ᠪᠣᠷᠣᠪᠠᠯᠭᠠᠰᠤ ᠶᠢᠨ ᠦᠨᠳᠣᠰᠣᠲᠡᠨ ᠤ ᠺᠠᠳ᠋ᠷᠴᠣᠳ ᠤᠨ ᠲᠡᠭᠡᠳᠣ ᠰᠣᠷᠭᠠᠭᠤᠯᠢ ᠶᠢ ᠪᠠᠶᠢᠭᠤᠯᠵᠤ᠂ ᠠᠩᠬᠢ ᠡᠷᠬᠢᠯᠡᠨ | ᠬᠢᠴᠢᠶᠡᠯᠯᠡᠭᠰᠡᠨ ᠠᠴᠠ ᠨᠠᠭᠠᠰᠢ ᠨᠡᠶᠢᠲᠠ 62 ᠬᠤᠭᠤᠴᠠᠭ᠎ᠠ᠂ 375 ᠠᠩᠬᠢ ᠣᠳᠠᠭ᠎ᠠ ᠶᠢᠨ ᠪᠣᠯᠪᠠᠰᠣᠷᠠᠯ ᠡᠷᠬᠢᠯᠡᠵᠣ | ᠂ 11 ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠪᠠ ᠪᠣᠯᠪᠠᠰᠣᠷᠠᠯ ᠳᠤ ᠣᠷᠣᠯᠴᠠᠭᠰᠠᠳ ᠢ ᠬᠦᠯᠢᠶᠡᠨ | ᠵᠤᠴᠢᠯᠡᠵᠤ᠂ ᠬᠤᠪᠢᠰᠬᠠᠯᠲᠣ ᠬᠦᠮᠦᠵᠢᠯ ᠤᠨ ᠠᠵᠣ ᠦᠢᠯᠡᠰ ᠡᠳᠣᠬᠡ ᠶᠠᠭ ᠭᠠᠵᠠᠷ ᠣᠷᠣᠨ ᠤ ᠲᠦᠷᠢ ᠲᠦᠷᠬᠦ ᠶᠢᠨ | ᠰᠢᠨᠡᠠᠯᠳᠠᠷᠰᠢᠯ ᠂ ᠬᠦᠭᠵᠢᠯᠲᠡ ᠶᠢ ᠠᠬᠢᠭᠤᠯᠬᠤ ᠰᠢᠨ᠎ᠡ ᠬᠦᠳᠡᠯᠬᠡᠬᠦᠷ ᠪᠣᠯᠪᠠ᠃ ᠲᠠᠪᠣᠨ ᠵᠢᠯ ᠤᠨ | ᠬᠠᠮᠳᠣᠳᠬᠠᠭᠰᠠᠨ ᠬᠦᠭᠵᠢᠬᠦᠯᠣᠯᠲᠡ ᠬᠡᠷᠡᠭᠯᠡᠬᠡᠨ ᠤ ᠠᠵᠤ ᠦᠢᠯᠡᠰ ᠤᠨ ᠲᠣᠲᠠᠭᠤᠳᠠᠯ ᠢ ᠨᠦᠬᠦᠪᠣᠷᠢᠯᠡᠭᠰᠡᠨ | ᠮᠦᠷᠲᠡᠬᠡᠨ ᠬᠦᠭᠵᠢᠯᠲᠡ ᠶᠢᠨ ᠠᠮᠢᠲᠣᠯᠢᠭ ᠬᠦᠴᠦᠨ ᠢ ᠲᠡᠬᠡᠭᠰᠢᠯᠡᠬᠦᠯᠣᠭ᠍ᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠬᠦᠭᠵᠢᠯᠲᠡ ᠶᠢᠨ ᠣᠷᠴᠢᠨ ᠢ ᠬᠦᠴᠦᠯᠡᠨ ᠰᠠᠶᠢᠵᠢᠷᠠᠭᠤᠯᠵᠣ᠂ ᠬᠤᠲᠠ | ᠪᠠᠯᠭᠠᠰᠣ ᠪᠣᠯᠣᠨ ᠰᠠᠭᠤᠷᠢ ᠲᠦᠬᠦᠭᠡᠷᠣᠮᠵᠢ ᠶᠢᠨ ᠪᠠᠶᠢᠭᠤᠯᠣᠯᠲᠠ ᠶᠢ ᠪᠦᠬᠦ ᠬᠦᠴᠦᠨ ᠢᠶᠠᠷ ᠠᠬᠢᠭᠤᠯᠵᠣ᠂ ᠬᠤᠲᠠ | ᠬᠦᠳᠡᠭᠡ ᠶᠢᠨ ᠬᠠᠮᠳᠣᠳᠬᠠᠭᠰᠠᠨ ᠬᠦᠭᠵᠢᠯᠲᠡ ᠶᠢ ᠰᠢᠨ᠎ᠡ ᠱᠠᠲᠣᠨ ᠳᠤ ᠭᠠᠷᠭᠠᠪᠠ᠃ ᠬᠤᠲᠠ ᠪᠠᠷ ᠬᠦᠳᠡᠭᠡ ᠶᠢ | ᠲᠠᠶᠢᠴᠢᠯᠠᠬᠤ᠂ ᠬᠤᠲᠠ ᠬᠦᠳᠡᠭᠡ ᠶᠢ ᠨᠢᠬᠡᠳᠣᠯᠲᠡᠢ ᠬᠦᠭᠵᠢᠬᠦᠯᠬᠦ ᠶᠢ ᠢᠮᠠᠭᠲᠠ ᠬᠤᠲᠠ ᠬᠦᠳᠡᠭᠡ ᠶᠢᠨ ︽ ᠬᠤᠶᠠᠷ | ᠡᠰᠢᠲᠣ ᠪᠦᠲᠦᠴᠡ︾ ᠶᠢ ᠰᠢᠪᠳᠣᠯᠬᠤ ᠴᠢᠬᠤᠯᠠ ᠭᠠᠷᠳᠠᠴᠠ ᠪᠣᠯᠭᠠᠨ᠂ ᠣᠨᠴᠠᠯᠢᠭᠲᠣ ᠬᠤᠲᠠ ᠪᠠᠯᠭᠠᠰᠣᠨ ᠤ | ᠴᠣᠭᠴᠠᠯᠠᠯᠲᠠ ᠶᠢ ᠪᠦᠲᠦᠮᠵᠢᠲᠠᠢ ᠠᠬᠢᠭᠤᠯᠵᠣ᠂ ᠬᠦᠳᠡᠭᠡ ᠲᠣᠰᠬᠤᠨ ᠤ ᠬᠦᠭᠵᠢᠯᠲᠡ ᠶᠢᠨ ᠰᠠᠭᠤᠷᠢ ᠶᠢ ᠨᠡᠩ | ᠪᠠᠬᠢᠵᠢᠬᠦᠯᠣᠨ᠂ ᠬᠤᠲᠠ ᠬᠦᠳᠡᠭᠡ ᠶᠢᠨ ᠲᠦᠷᠢ ᠪᠠᠶᠢᠳᠠᠯ ᠲᠣᠬᠢᠯᠢᠭᠵᠢᠪᠡ᠃ ᠬᠤᠲᠠ ᠪᠠᠯᠭᠠᠰᠣᠨ ᠤ ᠬᠡᠪ ᠴᠢᠨᠰᠠᠭ᠎ᠠ | ᠪᠣᠯᠣᠨ ᠥᠵᠡᠰᠭᠦᠯᠡᠩᠳᠤ ᠰᠠᠶᠢᠬᠠᠨ ᠬᠦᠳᠡᠭᠡ ᠨᠤᠳᠤᠭ ᠢ ᠢᠵᠢᠯ ᠠᠯᠬᠤᠮ ᠢᠶᠠᠷ ᠲᠦᠯᠦᠪᠵᠢᠬᠦᠯᠤᠨ ᠲᠡᠭᠡᠭᠰᠢᠯᠡᠬᠦᠯᠵᠣ | ᠂ ᠰᠢᠨ᠎ᠡ ᠪᠠᠷ 32.3 ᠺᠢᠯᠣᠮᠧᠲᠷ ᠬᠤᠲᠠ ᠶᠢᠨ ᠵᠠᠮ ᠵᠡᠬᠡᠯᠢ ᠶᠢ ᠦᠬᠡᠷᠡᠴᠢᠯᠡᠨ᠂ 60 ᠺᠢᠯᠣᠮᠧᠲᠷ ᠭᠠᠵᠠᠷ | ᠲᠣᠣᠷᠠᠬᠢ ᠬᠤᠭᠤᠯᠠᠢ ᠲᠠᠷᠣᠵᠣ᠂ 9.1 ᠲᠦᠮᠡᠨ ᠺᠦᠸᠠᠳ᠋ ᠮᠧᠲᠷ ᠵᠡᠭᠡᠯᠢ ᠲᠠᠭᠠᠤ ᠭᠡᠷ ᠪᠠᠶᠢᠰᠢᠩ ᠢ ᠰᠢᠨᠡᠳᠬᠡᠪᠡ᠃ | ᠣᠯᠵᠠᠴᠢ ᠪᠠᠯᠭᠠᠰᠣᠨ ᠤ ᠨᠣᠭᠤᠭᠠᠵᠢᠭᠤᠯᠣᠯᠲᠠ ᠶᠢᠨ ᠲᠠᠯᠠᠪᠠᠢ 313 ᠲᠦᠮᠡᠨ ᠺᠦᠸᠠᠳ᠋ ᠮᠧᠲᠷ ᠬᠦᠷᠴᠤ᠂ | ᠪᠠᠯᠭᠠᠰᠣᠨ ᠲᠣᠭᠤᠷᠢᠭ ᠤᠨ ᠨᠣᠭᠤᠭᠠᠵᠢᠭᠤᠯᠣᠭᠰᠠᠨ ᠭᠠᠵᠠᠷ ᠤᠨ ᠨᠣᠷᠮ᠎ᠠ᠂ ᠨᠣᠭᠤᠭᠠᠵᠢᠭᠤᠯᠣᠯᠲᠠ ᠶᠢᠨ ᠪᠦᠷᠬᠦᠪᠴᠢ | ᠲᠣᠰᠪᠣᠷᠢ 38% ᠪᠠ 42.8% ᠳᠤ ᠬᠦᠷᠴᠦ᠂ ᠬᠦᠮᠦᠨ ᠲᠣᠮᠳᠠᠴᠢ ᠲᠠᠯᠠᠪᠠᠢ 26.3 ᠺᠦᠸᠠᠳ᠋ ᠮᠧᠲᠷ ᠬᠦᠷᠪᠡ︔ | 1.3 ᠲᠦᠮᠡᠨ ᠲᠦᠯᠦᠪᠣᠷᠢ ᠦᠬᠡᠢ ᠲᠡᠷᠭᠡᠨ ᠵᠣᠭᠰᠣᠭᠠᠯ᠂ 136 ᠪᠠᠷᠢᠮᠵᠢᠶᠠᠲᠣ ᠵᠣᠷᠯᠣᠩ ᠪᠣᠯᠣᠨ ᠫᠢᠩᠫᠠᠩ | ᠪᠦᠮᠪᠦᠭᠡ ᠦᠳᠦᠨ ᠪᠦᠮᠪᠦᠭᠡ ᠶᠢᠨ ᠣᠷᠳᠣᠨ᠂ ᠣᠮᠪᠠᠯᠳᠠ ᠶᠢᠨ ᠣᠷᠳᠣᠨ᠂ ᠭᠡᠷ ᠤᠨ ᠭᠠᠳᠠᠨᠠᠬᠢ ᠲᠠᠮᠢᠷ ᠤᠨ | ᠲᠠᠯᠠᠪᠣᠷ ᠢ ᠠᠰᠢᠭᠯᠠᠯᠳᠠ ᠳᠤ ᠣᠷᠣᠭᠤᠯᠵᠣ᠂ ᠣᠯᠠᠨ ᠲᠦᠮᠡᠨ ᠳᠤ ᠲᠦᠬᠦᠮ ᠦᠵᠡᠬᠦᠯᠪᠡ᠃ ᠣᠯᠵᠠᠴᠢ ᠪᠠᠯᠭᠠᠰᠣ᠂ | ᠱᠠᠩᠬᠠᠢ ᠶᠢᠨ ᠰᠦᠮ᠎ᠡ ᠪᠠᠯᠭᠠᠰᠣ ᠪᠦᠬᠦ ᠣᠯᠣᠰ ᠤᠨ ᠭᠤᠣᠯᠳᠠᠯᠭᠠᠲᠣ ᠪᠠᠯᠭᠠᠰᠣ ᠪᠠᠷ ᠦᠨᠡᠯᠡᠭᠳᠡᠵᠣ᠂ ᠪᠣᠷᠣᠪᠠᠯᠭᠠᠰᠣ | ᠪᠠᠯᠭᠠᠰᠣ ᠪᠦᠬᠦ ᠣᠯᠣᠰ ᠤᠨ ᠣᠨᠴᠠᠯᠢᠭᠲᠣ ᠪᠠᠯᠭᠠᠰᠣ ᠪᠠᠷ ᠦᠨᠡᠯᠡᠭᠳᠡᠨ᠂ ᠨᠠᠩᠰᠣ ᠪᠠᠯᠭᠠᠰᠣ ᠪᠦᠬᠦ ᠣᠯᠣᠰ ᠤᠨ | ᠪᠣᠬᠢᠷᠳᠣᠯ ᠦᠬᠡᠢ ᠨᠡᠷᠡᠲᠣ ᠪᠠᠯᠭᠠᠰᠣ ᠪᠠᠷ ᠦᠨᠡᠯᠡᠭᠳᠡᠪᠡ᠃ ᠠᠶᠢᠯ ᠲᠣᠰᠬᠤᠨ ᠤ ᠦᠢᠵᠢᠭᠤᠯᠣᠯᠲᠠ ᠪᠣᠯᠣᠨ ᠣᠷᠴᠢᠨ | ᠲᠣᠭᠤᠷᠢᠨ ᠤ ᠶᠡᠷᠣᠩᠬᠡᠶᠢᠯᠡᠭᠰᠡᠨ ᠵᠠᠰᠠᠯᠲᠠ ᠶᠢ ᠬᠡᠷᠡᠭᠵᠢᠬᠦᠯᠵᠣ᠂ ᠮᠠᠯᠵᠢᠬᠤ ᠲᠠᠷᠢᠶᠠᠯᠠᠬᠤ ᠣᠷᠣᠨ ᠤ ᠦᠩᠭᠡ | ᠲᠦᠷᠰᠣ ᠶᠢ ᠰᠢᠨᠡᠳᠭᠡᠨ᠂ 6363 ᠡᠷᠣᠬᠡ ᠶᠢᠨ ᠨᠣᠷᠠᠬᠤ ᠠᠶᠣᠯᠲᠠᠢ ᠭᠡᠷ ᠪᠠᠶᠢᠰᠢᠩ ᠢ ᠰᠢᠨᠡᠳᠭᠡᠨ᠂ ᠰᠢᠨ᠎ᠡ ᠪᠠᠷ | ᠭᠠᠴᠠᠭ᠎ᠠ ᠲᠣᠰᠬᠤᠨ ᠤ ᠶᠡᠷᠣᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠦᠷᠲᠡᠭᠡ ᠶᠢ 42᠂ ᠠᠷᠠᠳ ᠲᠤ | ᠲᠦᠬᠦᠮ ᠦᠵᠡᠬᠦᠯᠬᠦ ᠴᠢᠯᠣᠬᠡᠳᠣ ᠲᠡᠯᠭᠡᠬᠦᠷ ᠢ 52 ᠪᠠᠶᠢᠭᠤᠯᠵᠣ᠂ ᠨᠡᠶᠢᠲᠡ ᠶᠢᠨ ᠦᠢᠯᠡᠴᠢᠯᠡᠭᠡᠨ ᠤ ᠲᠡᠩᠴᠡᠬᠦᠷᠢᠲᠣ | ᠲᠦᠪᠰᠢᠨ ᠢ ᠲᠡᠣᠬᠡᠳᠣ ᠰᠢᠪᠳᠣᠯᠣᠯᠲᠠ ᠲᠠᠢ ᠪᠣᠯᠭᠠᠪᠠ᠃ ᠠᠩᠬᠠᠳᠠᠭᠴᠢ ᠨᠢᠬᠡᠳᠣᠬᠡᠷ ᠲᠡᠰ ᠤᠨ ᠵᠠᠰᠠᠮᠠᠯ ᠵᠠᠮ ᠲᠡᠷᠭᠡ | ᠨᠡᠪᠲᠡᠷᠡᠵᠤ᠂ ᠠᠩᠬᠠᠳᠠᠭᠴᠢ ᠲᠦᠷᠬᠡᠨ ᠵᠠᠮ ᠠᠰᠢᠭᠯᠠᠯᠲᠠ ᠳᠤ ᠣᠷᠣᠬᠤ ᠪᠠᠷ ᠪᠣᠯᠵᠣ᠂ ᠰᠢᠨ᠎ᠡ ᠵᠠᠰᠠᠭᠰᠠᠨ | ᠬᠤᠶᠠᠳᠣᠭᠠᠷ ᠲᠡᠰ ᠠᠴᠠ ᠲᠡᠬᠡᠭᠰᠢᠬᠢ ᠵᠠᠰᠠᠮᠠᠯ ᠵᠠᠮ 605.3 ᠺᠢᠯᠣᠮᠧᠲᠷ ᠬᠦᠷᠪᠠ︔ ᠭᠠᠴᠠᠭ᠎ᠠ ᠲᠣᠰᠬᠤᠨ ᠤ | ᠵᠠᠰᠠᠮᠠᠯ ᠵᠠᠮ ᠢ ᠰᠢᠨ᠎ᠡ ᠪᠠᠷ 2230 ᠺᠢᠯᠣᠮᠧᠲᠷ ᠵᠠᠰᠠᠵᠣ᠂ ᠵᠦᠪᠬᠡᠨ 2016 ᠣᠨ ᠤ ᠵᠠᠰᠠᠭᠰᠠᠨ ᠵᠠᠮ ᠬᠤᠰᠢᠭᠤ | ᠪᠠᠶᠢᠭᠤᠯᠣᠭᠳᠠᠭᠰᠠᠨ 30 ᠭᠠᠷᠣᠢ ᠵᠢᠯ ᠤᠨ ᠨᠡᠶᠢᠯᠡᠪᠣᠷᠢ ᠠᠴᠠ ᠴᠦ ᠲᠠᠪᠠᠵᠣ᠂ ᠮᠠᠯᠴᠢᠨ ᠲᠠᠷᠢᠶᠠᠴᠢᠳ ᠤᠨ ᠶᠠᠪᠣᠵᠣ | ᠰᠠᠭᠤᠬᠤ ᠪᠠ ᠮᠠᠯ ᠲᠠᠷᠢᠶᠠᠯᠠᠩ ᠤᠨ ᠠᠰᠢᠭ ᠰᠢᠮ᠎ᠡ ᠪᠠᠨ ᠪᠣᠷᠣᠯᠠᠭᠤᠯᠬᠤ ᠳᠤ ᠮᠠᠰᠢ ᠲᠦᠬᠦᠮ ᠪᠣᠯᠪᠠ᠃ ᠲᠤᠯᠢ ᠠᠴᠠ | ᠱᠠᠩᠬᠠᠢ ᠶᠢᠨ ᠰᠥᠮ᠎ᠡ ᠭᠥᠷᠭᠦ ᠲᠠᠮᠦᠷ ᠵᠠᠮ ᠤᠨ ᠲᠣᠯᠢ ᠠᠴᠠ ᠣᠯᠵᠠᠴᠢ ᠬᠦᠷᠬᠦ ᠬᠡᠰᠡᠭ ᠲᠡᠷᠭᠡ ᠨᠡᠪᠲᠡᠷᠡᠬᠦ ᠨᠦᠬᠦᠴᠡᠯ | ᠪᠦᠷᠢᠳᠴᠤ᠂ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠡᠮᠣᠷ ᠵᠠᠮ ᠤᠨ ᠡᠮᠣᠨ᠎ᠡ ᠬᠤᠭᠤᠴᠠᠭᠠᠨ ᠤ ᠠᠵᠢᠯ | ᠡᠳᠣᠭᠡ ᠶᠠᠭ ᠶᠠᠪᠣᠭᠳᠠᠵᠣ ᠪᠣᠢ︔ ᠣᠲᠤᠭ ᠤᠨ ᠡᠮᠣᠨᠡᠳᠣ ᠬᠤᠰᠢᠭᠤᠨ ᠤ ᠨᠡᠶᠢᠳᠡᠮ ᠬᠡᠷᠡᠭᠯᠡᠬᠡᠨ ᠤ ᠨᠢᠰᠬᠡᠯ ᠤᠨ | ᠪᠠᠭᠤᠳᠠᠯ ᠪᠠᠷᠢᠯᠭᠠᠡᠬᠢᠯᠡᠵᠣ᠂ ᠪᠡᠶᠡᠳᠣ ᠵᠠᠮ ᠬᠠᠷᠢᠯᠴᠠᠭᠠᠨ ᠤ ᠬᠤᠭᠤᠰᠣᠨ ᠢ ᠨᠦᠬᠦᠪᠣᠷᠢᠯᠡᠪᠡ︔ ᠰᠢᠨ᠎ᠡ ᠪᠠᠷ 110 | ᠺᠢᠯᠤᠸᠥᠯᠲ ᠤᠨᠴᠠᠬᠢᠯᠭᠠᠨ ᠬᠤᠪᠢᠰᠬᠠᠨ ᠲᠠᠮᠵᠢᠭᠤᠯᠬᠤ ᠢᠨᠵᠧᠨᠧᠷᠢᠩ ᠢ 8᠂ 35 ᠺᠢᠯᠤᠸᠥᠯᠲ ᠤᠨ ᠴᠠᠬᠢᠯᠭᠠᠨ | ᠬᠤᠪᠢᠰᠬᠠᠬᠤ ᠦᠷᠲᠡᠭᠡ ᠶᠢ 9 ᠪᠠᠶᠢᠭᠤᠯᠣᠨ᠂ ᠰᠢᠨ᠎ᠡ ᠪᠠᠶᠢᠭᠤᠯᠣᠭᠰᠠᠨ ᠪᠠ ᠦᠬᠡᠷᠡᠴᠢᠯᠡᠭᠰᠡᠨ ᠴᠠᠬᠢᠯᠭᠠᠨ ᠲᠣᠣᠷ | ᠤᠨ ᠵᠠᠮ ᠱᠣᠭᠤᠮ 3940 ᠺᠢᠯᠦᠮᠧᠲᠷ ᠬᠦᠷᠣᠨ᠂ ᠮᠠᠯᠴᠢᠨ ᠲᠠᠷᠢᠶᠠᠴᠢᠨ ᠡᠷᠣᠬᠡ ᠶᠢᠨ ᠴᠠᠬᠢᠯᠭᠠᠨ ᠨᠡᠪᠳᠡᠷᠡᠭᠰᠡᠨ | ᠨᠣᠷᠮ᠎ᠠ 100% ᠳᠤ ᠬᠦᠷᠴᠦ᠂ ᠬᠦᠭᠵᠢᠯᠲᠡ ᠶᠢ ᠲᠣᠯᠭᠠᠭᠤᠷᠢᠯᠠᠬᠤ ᠴᠠᠬᠢᠯᠭᠠᠨ ᠬᠦᠴᠦᠨ ᠤ ᠨᠦᠬᠦᠴᠡᠯ ᠤᠨ | ᠦᠨᠳᠣᠰᠣᠨ ᠴᠢᠨᠠᠷᠲᠠᠢ ᠰᠠᠶᠢᠵᠢᠷᠠᠯᠲᠠ ᠶᠢ ᠪᠡᠶᠡᠯᠡᠬᠦᠯᠪᠡ᠃ ᠠᠮᠢ ᠠᠬᠤᠢ ᠶᠢᠨ ᠪᠠᠶᠢᠭᠤᠯᠣᠯᠲᠠ ᠶᠢ 270 ᠲᠦᠮᠡᠨ | ᠮᠣ᠋ ᠪᠡᠶᠡᠯᠡᠬᠦᠯᠵᠤ᠂ ᠬᠦᠷᠦᠰᠦ ᠰᠢᠷᠣᠢ ᠶᠢᠨ ᠢᠳᠡᠭᠳᠡᠯ ᠤᠨ ᠵᠠᠰᠠᠯᠲᠠ ᠶᠢ 176.3 ᠲᠦᠮᠡᠨ ᠮᠣ᠋ ᠬᠡᠷᠡᠭᠵᠢᠬᠦᠯᠵᠣ᠂ | ᠣᠢ ᠰᠢᠭᠤᠢ ᠶᠢᠨ ᠪᠦᠷᠬᠦᠴᠡ ᠪᠣᠯᠣᠨ ᠣᠷᠭᠤᠮᠠᠯ ᠤᠨ ᠪᠦᠷᠬᠦᠪᠴᠢ ᠲᠣᠰᠪᠣᠷᠢ 23.9% ᠪᠠ 46% ᠳᠤ | ᠬᠦᠷᠴᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠱᠠᠳᠤᠴᠢ ᠲᠠᠪᠰᠢᠯᠳᠠ ᠲᠠᠢ ᠪᠤᠯᠪᠠ᠃ ᠲᠠᠪᠤᠨ ᠵᠢᠯ | ᠭᠥᠴᠥ ᠪᠠᠨ ᠲᠥᠪᠯᠡᠷᠡᠭᠦᠯᠥᠨ ᠪᠡᠷᠭᠡ ᠶᠢ ᠰᠢᠪᠳᠤᠯᠵᠤ᠂ ᠬᠤᠳᠠ ᠭᠥᠳᠡᠭᠡ ᠶᠢᠨ ᠲᠥᠷᠢ ᠪᠠᠶᠢᠳᠠᠯ ᠢ | ᠬᠤᠪᠢᠷᠠᠭᠤᠯᠤᠭᠰᠠᠨ ᠮᠥᠷᠳᠡᠭᠡᠨ ᠭᠥᠭᠵᠢᠯᠳᠡ ᠶᠢᠨ ᠤᠷᠤᠨ ᠵᠠᠢ ᠶᠢ ᠥᠷᠭᠡᠳᠭᠡᠭᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠪᠦᠬᠦ ᠨᠡᠶᠢᠬᠡᠮ ᠤᠨ ᠠᠮᠢᠵᠢᠷᠠᠯ ᠤᠨ ᠬᠦᠴᠦᠨ ᠢ ᠬᠦᠭᠵᠢᠬᠡᠵᠣ᠂ | ᠪᠠᠶᠢᠭᠤᠯᠣᠮᠵᠢ ᠲᠣᠭᠲᠠᠴᠠ ᠶᠢᠨ ᠲᠣᠲᠠᠭᠳᠠᠯ ᠢ ᠠᠷᠢᠯᠭᠠᠵᠣ᠂ ᠦᠬᠡᠷᠡᠴᠢᠯᠡᠯᠲᠡ ᠶᠢᠨ ᠪᠦᠬᠦ ᠲᠠᠯ᠎ᠠ ᠶᠢᠨ | ᠬᠦᠨᠵᠡᠬᠡᠶᠢᠷᠡᠯᠲᠡ ᠶᠢ ᠬᠦᠨᠴᠡ ᠲᠠᠢ ᠠᠬᠢᠭᠤᠯᠣᠯᠲᠠ ᠶᠢᠨ ᠰᠢᠨ᠎ᠡ ᠱᠠᠲᠣᠨ ᠳᠤ ᠭᠠᠷᠭᠠᠪᠠ᠃ ᠦᠬᠡᠷᠡᠴᠢᠯᠡᠯᠲᠡ | ᠰᠢᠨᠡᠴᠢᠯᠡᠯᠲᠡ ᠶᠢ ᠢᠮᠠᠭᠲᠠ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠲᠣᠳᠣᠭᠠᠳᠣ ᠬᠦᠳᠡᠯᠬᠡᠭᠴᠢ ᠬᠦᠴᠦᠨ ᠢ | ᠨᠡᠮᠡᠭᠳᠡᠬᠦᠯᠬᠦ ᠴᠢᠬᠤᠯᠠ ᠭᠠᠷᠳᠠᠴᠠ ᠪᠣᠯᠭᠠᠨ᠂ ᠵᠠᠩᠬᠢᠯᠠᠭ᠎ᠠ ᠶᠢᠨ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ | ᠭᠤᠭᠴᠣᠭᠠᠨ ᠤ ᠦᠬᠡᠷᠡᠴᠢᠯᠡᠯᠲᠡ ᠶᠢ ᠠᠬᠢᠭᠤᠯᠣᠨ᠂ ᠦᠬᠡᠷᠡᠴᠢᠯᠡᠯᠲᠡ ᠶᠢᠨ ᠦᠷ᠎ᠡ ᠪᠦᠲᠦᠬᠡᠯ ᠨᠡᠶᠢᠳᠡ 500 | ᠭᠠᠷᠣᠢ ᠳᠤ ᠬᠦᠷᠪᠡ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠦᠬᠡᠷᠡᠴᠢᠯᠡᠯᠲᠡ ᠪᠦᠬᠦ ᠣᠯᠣᠰ ᠤᠨ ᠠᠳᠠᠯᠢ | ᠬᠤᠭᠤᠴᠠᠭᠠᠨ ᠤ ᠲᠡᠷᠢᠬᠦᠨ ᠤ ᠲᠦᠪᠰᠢᠨ ᠳᠤ ᠬᠦᠷᠴᠦ᠂ ᠪᠠᠷᠠᠭᠤᠨ ᠬᠤᠶᠢᠳᠣ ᠣᠷᠣᠨ ᠤ ᠠᠮᠢ ᠠᠬᠤᠢ ᠶᠢᠨ | ᠪᠣᠯᠪᠠᠰᠣᠨ ᠤ ᠲᠦᠷᠢᠮ ᠤᠨ ᠪᠠᠶᠢᠭᠤᠯᠣᠯᠲᠠ ᠳᠤ ᠣᠲᠤᠭ ᠤᠨ ᠡᠮᠣᠨᠡᠲᠣ ᠬᠤᠰᠢᠭᠤᠨ ᠤ ᠪᠠᠨ ᠲᠦᠰᠣᠯ ᠢ ᠬᠠᠩᠭᠠᠪᠠ | ︔ ᠪᠦᠬᠦ ᠣᠷᠣᠨ ᠤ ᠠᠩᠬᠠᠳᠠᠭᠴᠢ ᠬᠤᠰᠢᠭᠤ ᠲᠡᠰ ᠤᠨ ᠳ᠋ᠠᠶᠢᠲ᠋ᠠ ᠲᠦᠪ ᠪᠦᠬᠦ ᠲᠠᠯ᠎ᠠ ᠪᠠᠷ ᠠᠰᠢᠭᠯᠠᠯᠲᠠ ᠳᠤ | ᠣᠷᠣᠵᠣ᠂ ᠬᠤᠰᠢᠭᠤ ᠨᠣᠲᠤᠭ ᠤᠨ ᠵᠠᠰᠠᠯᠲᠠ ᠶᠢᠨ ᠴᠢᠳᠠᠪᠣᠷᠢ ᠶᠢᠨ ᠣᠳᠣᠬᠢᠴᠢᠯᠠᠯᠲᠠ ᠶᠢᠨ ᠲᠦᠪᠰᠢᠨ ᠶᠡᠬᠡᠪᠡᠷ | ᠲᠡᠬᠡᠭᠰᠢᠯᠡᠪᠡ᠃ ᠨᠡᠶᠢᠬᠡᠮ ᠤᠨ ᠬᠦᠷᠢᠶ᠎ᠡ ᠴᠠᠷᠠᠭᠠᠨ ᠤ ᠦᠬᠡᠷᠡᠴᠢᠯᠡᠯᠲᠡ ᠲᠣᠪᠣᠶᠢᠮ᠎ᠠ ᠪᠦᠲᠦᠮᠵᠢ ᠣᠯᠵᠣ᠂ ᠪᠦᠬᠦ | ᠣᠷᠣᠨ ᠳᠤ ᠪᠠᠨ ᠡᠩ ᠲᠡᠷᠢᠬᠦᠨ ᠳᠤ ᠶᠡᠷᠣᠩᠬᠡᠶᠢᠯᠡᠭᠰᠡᠨ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠬᠡᠷᠡᠴᠢᠯᠡᠯᠲᠡ | ᠪᠣᠯᠣᠨ ᠲᠣᠳᠣᠭᠠᠳᠣ ᠶᠢ ᠬᠠᠮᠠᠭᠠᠯᠠᠬᠤ ︽ᠲᠣᠮᠣ ᠰᠠᠯᠠᠭ᠎ᠠ ᠮᠦᠴᠢᠷ᠂ ᠲᠣᠮᠣ ᠴᠠᠭᠳᠠᠭᠠᠨ ᠲᠦᠷᠦᠯ︾ ᠢ | ᠬᠡᠷᠡᠭᠵᠢᠬᠦᠯᠵᠣ᠂ ᠪᠦᠬᠦ ᠣᠷᠣᠨ ᠤ ᠠᠩᠬᠠᠳᠠᠭᠴᠢ ᠬᠤᠰᠢᠭᠤ ᠲᠡᠰ ᠤᠨ ᠰᠦᠯᠵᠢᠶ᠎ᠡ ᠪᠠᠷ ᠬᠠᠣᠯᠢ ᠬᠡᠷᠡᠭᠵᠢᠬᠦᠯᠬᠦ | ᠠᠩᠬᠢ᠂ ᠠᠩᠬᠠᠳᠠᠭᠴᠢ ᠬᠤᠰᠢᠭᠤ ᠲᠡᠰ ᠤᠨ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠶᠠᠪᠣᠳᠠᠯ ᠤᠨ ᠲᠦᠪ ᠢ | ᠪᠠᠶᠢᠭᠤᠯᠵᠣ᠂ ᠬᠠᠣᠯᠢ ᠪᠠᠷ ᠬᠤᠰᠢᠭᠤ ᠪᠠᠨ ᠵᠠᠰᠠᠬᠤ ᠠᠵᠢᠯ ᠱᠠᠲᠣᠴᠢ ᠪᠦᠲᠦᠮᠵᠢ ᠣᠯᠪᠠ᠃ ᠴᠢᠯᠣᠬᠡᠲᠡᠢ | ᠬᠠᠮᠲᠣᠷᠠᠯᠴᠠᠭ᠎ᠠ ᠬᠦᠨᠵᠡᠬᠡᠢ ᠠᠬᠢᠵᠣ᠂ ᠠᠺᠠᠳᠧᠮᠢᠴᠢ ᠶᠢᠨ ᠠᠵᠢᠯ ᠤᠨ ᠦᠷᠲᠡᠭᠡ ᠳᠤ ᠲᠦᠰᠢᠭᠯᠡᠨ᠂ ᠮᠠᠯ ᠲᠠᠷᠢᠶᠠᠯᠠᠩ | ᠤᠨ ᠰᠢᠨᠵᠢᠯᠡᠭᠡ ᠮᠡᠷᠭᠡᠵᠢᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠵᠡᠷᠭᠡ ᠬᠦᠷᠢᠶ᠎ᠡ ᠴᠠᠷᠠᠭᠠᠨ ᠳᠤ ᠣᠯᠣᠰ | ᠠᠯᠣᠰᠯᠠᠨ ᠢᠳᠡᠪᠬᠢᠲᠡᠢ ᠬᠠᠮᠳᠣᠷᠠᠯᠴᠠᠵᠣ᠂ ᠮᠣᠩᠭᠤᠯ ᠣᠯᠣᠰ ᠲᠤ ᠨᠣᠣᠯᠣᠭᠤᠷ ᠨᠡᠮᠡᠭᠳᠡᠬᠦᠯᠬᠦ ᠲᠠᠭᠤᠷᠢᠶᠠᠯ ᠤᠨ ᠴᠡᠭ | ᠢ 10 ᠪᠠᠶᠢᠭᠤᠯᠪᠠ︔ ᠢᠷᠭᠠᠢ ᠶᠢᠨ ᠨᠡᠶᠢᠭᠡᠮ ᠤᠨ ᠴᠢᠨᠠᠷᠯᠢᠭ ᠡᠬᠢ ᠰᠣᠷᠪᠣᠯᠵᠢ ᠶᠢᠨ ᠲᠠᠶᠢᠴᠢᠯᠠᠯ ᠢ | ᠰᠠᠨᠠᠭᠠᠴᠢᠯᠭᠠᠲᠠᠢ ᠬᠦᠯᠢᠶᠡᠵᠣ᠂ ᠡᠮᠴᠢᠯᠡᠭᠡᠨ ᠤ ᠪᠠᠴᠢᠮ ᠠᠪᠣᠷᠠᠯᠲᠠ᠂ ︽ᠣᠷᠢᠲᠡᠪᠡᠷ ᠡᠮᠴᠢᠯᠡᠬᠦᠯᠵᠣ᠂ ᠰᠡᠬᠦᠯᠡᠷ ᠨᠢ | ᠵᠠᠷᠣᠳᠠᠯ ᠲᠣᠰᠢᠶᠠᠬᠤ︾᠂ ᠪᠠᠭᠰᠢ ᠰᠣᠷᠣᠭᠴᠢᠳ ᠤᠨ ᠬᠠᠷᠢᠯᠴᠠᠭ᠎ᠠ ᠵᠡᠷᠭᠡ ᠲᠠᠯ᠎ᠠ ᠪᠠᠷ ᠣᠷᠣᠨ ᠠᠯᠣᠰᠯᠠᠭᠰᠠᠨ | ᠪᠣᠳᠠᠲᠠᠢ ᠬᠠᠮᠳᠣᠷᠠᠯᠴᠠᠭᠠᠦᠷᠨᠢᠬᠦᠯᠵᠣ᠂ ᠣᠷᠣᠨ ᠬᠡᠪᠴᠢᠶᠡᠨ ᠤ ᠬᠠᠮᠳᠣᠷᠠᠯᠴᠠᠭ᠎ᠠ ᠶᠢᠨ ᠰᠢᠪᠲᠣᠯᠣᠯᠲᠠ ᠲᠠᠢ ᠪᠣᠯᠪᠠ᠃ | ᠲᠠᠪᠣᠨ ᠵᠢᠯ ᠦᠬᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠬᠦᠭᠵᠢᠯᠲᠡ ᠶᠢᠨ ᠬᠦᠳᠡᠯᠬᠡᠭᠴᠢ ᠬᠦᠴᠦᠨ ᠤ | ᠬᠤᠪᠢᠰᠣᠯᠲᠠ ᠶᠢ ᠲᠦᠷᠬᠡᠳᠬᠡᠭᠰᠡᠨ ᠮᠦᠷᠲᠡᠭᠡᠨ ᠢᠷᠡᠭᠡᠳᠣᠢ ᠶᠢᠨ ᠬᠦᠭᠵᠢᠯᠲᠡ ᠳᠤ ᠬᠦᠴᠦᠷᠬᠡᠭ ᠶᠡᠭᠡ | ᠰᠢᠨᠡᠬᠦ᠋ᠳᠡᠯᠬᠡᠭᠴᠢ ᠬᠦᠴᠦᠨ ᠬᠠᠩᠭᠠᠭᠰᠠᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠣᠯᠠᠨ ᠲᠦᠮᠡᠨ ᠤ ᠬᠦᠷᠲᠡᠮᠵᠢ ᠶᠢ ᠬᠦᠴᠦᠯᠡᠨ ᠨᠡᠮᠡᠭᠳᠡᠬᠦᠯᠵᠣ᠂ | ᠠᠷᠠᠳ ᠤᠨ ᠠᠮᠢᠳᠣᠷᠠᠯ ᠢ ᠬᠠᠷᠠᠭᠠᠯᠵᠠᠨ ᠡᠶ᠎ᠡ ᠵᠣᠬᠢᠴᠡᠯ ᠢ ᠠᠬᠢᠭᠤᠯᠵᠣ᠂ ᠨᠡᠶᠢᠭᠡᠮ ᠤᠨ ᠦᠢᠯᠡᠰ ᠢ ᠬᠠᠮᠳᠣᠪᠡᠷ | ᠪᠠᠶᠢᠭᠤᠯᠣᠨ ᠬᠠᠮᠲᠣ ᠡᠳ᠋ᠯᠡᠬᠦ ᠰᠢᠨ᠎ᠡ ᠱᠠᠲᠣᠨ ᠳᠤ ᠭᠠᠷᠭᠠᠪᠠ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ | ᠤᠨ ᠬᠦᠰᠡᠯ ᠡᠷᠡᠮᠡᠯᠵᠡᠯ ᠢ ᠢᠮᠠᠭᠲᠠ ᠵᠠᠰᠠᠭ ᠶᠠᠪᠣᠭᠤᠯᠣᠨ ᠲᠣᠰᠢᠶᠠᠯ ᠢᠶᠠᠨ ᠬᠦᠢᠴᠡᠳᠬᠡᠬᠦ ᠲᠡᠮᠡᠴᠡᠯ ᠤᠨ ᠬᠠᠷᠠᠯᠲᠠ | ᠪᠣᠯᠭᠠᠨ᠂ ᠨᠡᠶᠢᠲᠡ ᠶᠢᠨ ᠡᠳ᠋ ᠤᠨ ᠵᠠᠰᠠᠭ ᠤᠨ ᠠᠷᠠᠳ ᠤᠨ ᠠᠮᠢᠳᠣᠷᠠᠯ ᠳᠠᠬᠢ ᠬᠡᠷᠡᠭᠯᠡᠯᠲᠡ ᠶᠢᠨ ᠬᠠᠷᠢᠴᠠᠯ ᠲᠠᠪᠣᠨ | ᠵᠢᠯ ᠵᠠᠯᠭᠠᠪᠡᠷ 70% ᠠᠴᠠ ᠲᠠᠪᠠᠵᠣ᠂ ᠨᠡᠶᠢᠲᠡ 115.7 ᠳ᠋ᠦᠩᠰᠢᠭᠤᠷ ᠲᠦᠬᠦᠷᠢᠭ ᠲᠤ ᠬᠦᠷᠪᠡ᠃ ᠶᠠᠳᠠᠭᠤ ᠠᠴᠠ | ᠠᠩᠬᠢᠵᠢᠷᠠᠭᠤᠯᠬᠤ ᠰᠢᠪᠲᠣᠯᠣᠯᠲᠠ ᠰᠢᠢᠳᠪᠣᠷᠢᠯᠡᠭᠴᠢ ᠠᠬᠢᠯᠲᠠ ᠲᠠᠢ ᠪᠣᠯᠵᠣ᠂ ᠶᠠᠳᠠᠭᠤ ᠬᠦᠴᠢᠷᠳᠡᠯ ᠤᠨ ᠨᠣᠷᠮ᠎ᠠ6. | 7% ᠠᠴᠠ ᠲᠣᠷᠣᠭᠰᠢᠯᠠᠭᠠᠳ 0.25% ᠪᠣᠯᠪᠠ᠃ ᠰᠣᠷᠭᠠᠨ ᠬᠦᠮᠦᠵᠢᠯ ᠤᠨ ᠦᠢᠯᠡᠰ ᠲᠡᠩᠴᠡᠬᠦᠷᠢᠲᠠᠢ | ᠬᠦᠭᠵᠢᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠦ ᠬᠦᠭᠵᠢᠯᠳᠠ ᠣᠯᠣᠰ ᠤᠨ ᠰᠢᠶᠡᠨ ᠤ | ᠬᠡᠪᠴᠢᠶᠡᠨ ᠤ ᠠᠯᠪᠠᠨ ᠵᠢᠷᠤᠮ ᠤᠨ ᠥᠨᠳᠥᠰᠥᠨ ᠲᠡᠩᠴᠡᠭᠦᠷᠢᠰᠢᠯ ᠤᠨ ᠨᠤᠳᠠᠯᠠᠯ ᠢ ᠠᠮᠵᠢᠯᠲᠠ ᠲᠠᠢ ᠲᠣᠭᠤᠯᠵᠣ᠂ | 29 ᠲᠣᠮᠳᠠᠲᠣ ᠪᠠᠭᠠᠰᠣᠷᠭᠠᠭᠤᠯᠢ ᠬᠡᠤᠬᠡᠤᠨ ᠤᠨ ᠴᠡᠴᠡᠷᠯᠢᠭ ᠢ ᠰᠢᠨ᠎ᠡ ᠪᠠᠷ ᠪᠠ ᠦᠷᠭᠡᠳᠭᠡᠨ ᠪᠠᠶᠢᠭᠤᠯᠵᠣ᠂ | ᠰᠣᠷᠭᠠᠭᠤᠯᠢ ᠡᠷᠬᠢᠯᠡᠬᠦ ᠲᠦᠪᠰᠢᠨ ᠲᠡᠭᠡᠭᠰᠢᠯᠡᠨ ᠰᠣᠷᠭᠠᠭᠤᠯᠢ ᠡᠷᠬᠢᠯᠡᠬᠦ ᠤᠨᠴᠠᠯᠢᠭ ᠲᠣᠪᠣᠶᠢᠵᠣ᠂ ᠬᠤᠰᠢᠭᠤᠨ ᠤ | ᠠᠵᠢᠯ ᠮᠡᠷᠭᠡᠵᠢᠯ ᠤᠨ ᠲᠣᠮᠳᠠᠲᠣ ᠰᠣᠷᠭᠠᠭᠤᠯᠢ ᠶᠢᠨ ᠦᠨᠳᠣᠰᠣᠲᠡᠨ ᠤ ᠭᠠᠷ ᠣᠷᠠᠯᠠᠯ ᠤᠨ ᠲᠣᠰᠬᠠᠢ ᠮᠡᠷᠭᠡᠵᠢᠯ | ᠣᠯᠣᠰ ᠤᠨ ᠠᠩᠬᠠᠳᠠᠭᠴᠢ ᠪᠦᠯᠦᠭ ᠦᠨᠳᠣᠰᠣᠲᠡᠨ ᠤ ᠰᠣᠶᠣᠯ ᠤᠨ ᠦᠪᠯᠡᠯ ᠣᠯᠠᠮᠵᠢᠯᠡᠯ ᠤᠨ ᠲᠠᠭᠤᠷᠢᠶᠠᠯ ᠴᠡᠭ | ᠢᠶᠠᠷ ᠦᠨᠡᠯᠡᠭᠳᠡᠵᠣ᠂ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ᠂ ᠮᠣᠩᠭᠤᠯ ᠲᠣᠮᠳᠠᠲᠣ ᠰᠣᠷᠭᠠᠭᠤᠯᠢ ︽ᠤᠯᠤᠰ | ᠤᠨ ᠳᠡᠰ ᠤᠨ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ︾ ᠪᠠᠷ ᠦᠨᠡᠯᠡᠭᠳᠡᠨ᠂ ᠰᠣᠷᠭᠠᠨ ᠬᠦᠮᠦᠵᠢᠯ ᠤᠨ | ᠶᠠᠮᠣᠨ ᠠᠴᠠ ᠪᠣᠷᠣᠪᠠᠯᠭᠠᠰᠣ ᠪᠠᠭ᠎ᠠ ᠰᠣᠷᠭᠠᠭᠤᠯᠢ ᠶᠢ ︽ᠣᠶᠣᠨᠴᠢ ᠰᠣᠷᠭᠠᠨ ᠬᠦᠮᠦᠵᠢᠯ ᠤᠨ ᠲᠣᠷᠰᠢᠯᠲᠠ ᠶᠢᠨ | ᠰᠣᠷᠭᠠᠭᠤᠯᠢ︾ ᠪᠣᠯᠭᠠᠪᠠ᠃ ᠠᠵᠢᠯ ᠣᠯᠭᠤᠯᠲᠠ ᠶᠢᠨ ᠵᠠᠮ ᠮᠦᠷ ᠢ ᠦᠷᠭᠡᠳᠭᠡᠵᠣ᠂ ᠬᠤᠳᠠ ᠪᠠᠯᠭᠠᠰᠤᠨ ᠳᠤ | ᠰᠢᠨ᠎ᠠ ᠪᠠᠷ 6247 ᠬᠦᠮᠤᠨ ᠳᠤ ᠠᠵᠢᠯ ᠤᠯᠭᠤᠨ᠂ ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ | ᠨᠤᠷᠮ᠎ᠠ ᠶᠢ 3% ᠶᠢᠨ ᠲᠣᠳᠣᠷ᠎ᠠ ᠬᠢᠵᠠᠭᠠᠷᠯᠠᠵᠣ᠂ ᠢᠮᠠᠭᠲᠠ ᠪᠦᠬᠦ ᠬᠤᠲᠠ ᠶᠢᠨ ᠲᠣᠮᠳᠠᠴᠢ ᠲᠦᠪᠰᠢᠨ ᠠᠴᠠ | ᠲᠣᠣᠷ᠎ᠠ ᠪᠠᠶᠢᠯᠭᠠᠪᠠ᠃ ᠨᠡᠶᠢᠭᠡᠮ ᠤᠨ ᠪᠠᠳᠣᠯᠠᠭ᠎ᠠ ᠶᠢᠨ ᠬᠡᠪᠴᠢᠶ᠎ᠡ ᠶᠢ ᠦᠷᠭᠡᠳᠭᠡᠨ ᠴᠢᠨᠠᠷ ᠢ ᠲᠡᠭᠡᠭᠰᠢᠯᠡᠬᠦᠯᠵᠣ᠂ | ᠨᠡᠶᠢᠭᠡᠮ ᠤᠨ ᠲᠠᠭᠠᠳᠬᠠᠯ ᠪᠠ ᠲᠣᠰᠠᠯᠠᠮᠵᠢ ᠶᠢᠨ ᠪᠠᠷᠢᠮᠵᠢᠶ᠎ᠠ ᠶᠢ ᠶᠡᠬᠡᠪᠡᠷ ᠲᠡᠭᠡᠭᠰᠢᠯᠡᠬᠦᠯᠣᠨ᠂ ᠡᠮ ᠡᠮᠨᠡᠯᠭᠡ ᠶᠢᠨ | ᠲᠠᠭᠠᠳᠬᠠᠯ ᠤᠨ ᠣᠨᠳᠣᠣ ᠭᠠᠵᠠᠷ ᠲᠤ ᠲᠣᠬᠠᠢ ᠳᠤᠨᠢ ᠲᠠᠰᠣᠯᠣᠨ ᠪᠣᠳᠣᠬᠤ ᠶᠢ ᠪᠡᠶᠡᠯᠡᠬᠦᠯᠵᠣ᠂ ᠬᠤᠲᠠ ᠬᠦᠳᠡᠭᠡ | ᠶᠢᠨ ᠡᠮ ᠡᠮᠨᠡᠯᠭᠡ ᠶᠢᠨ ᠲᠠᠭᠠᠳᠬᠠᠯ ᠢ ᠵᠡᠷᠭᠡ ᠪᠠᠷ ᠭᠡᠷᠡᠭᠯᠡᠬᠦ᠂ ᠡᠮᠴᠢᠯᠡᠭᠡᠨ ᠠᠴᠠ ᠡᠮᠣᠨ᠎ᠡ ᠠᠪᠣᠷᠠᠨ ᠲᠣᠰᠠᠯᠠᠬᠤ᠂ | ᠶᠠᠳᠠᠭᠤ ᠬᠦᠴᠢᠷᠳᠡᠯᠲᠠᠢ ᠡᠷᠣᠭᠡ ᠶᠢᠨ ᠬᠦᠨᠳᠣ ᠡᠪᠡᠳᠴᠢᠲᠡᠨ ᠢ ᠠᠪᠣᠷᠠᠨ ᠲᠣᠰᠠᠯᠠᠬᠤ ᠵᠠᠭᠪᠣᠷ ᠢ ᠪᠦᠬᠦ ᠲᠠᠯ᠎ᠠ ᠪᠠᠷ | ᠲᠦᠭᠡᠮᠡᠯᠵᠢᠬᠦᠯᠵᠣ᠂ ᠡᠮ ᠡᠮᠨᠡᠯᠬᠡᠡᠷᠡᠬᠦᠯᠵᠢᠯ ᠰᠤᠪᠢᠯᠠᠯ ᠤᠨ ᠤᠶᠠᠯᠳᠤᠭᠤᠯᠤᠯ ᠨᠢ ᠦᠪᠡᠷᠲᠡᠭᠡᠨ ᠵᠠᠰᠠᠬᠤ ᠣᠷᠣᠨ ᠤ | ᠳᠤᠷᠰᠢᠯᠳᠠ ᠶᠢᠨ ᠴᠡᠭ ᠪᠣᠯᠪᠠ᠃ ᠪᠠᠳᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 40 ᠲᠦᠮᠡᠨ ᠺᠦᠸᠠᠳ᠋ ᠮᠧᠲᠷ | ᠪᠠᠶᠢᠭᠤᠯᠣᠨ᠂ ᠬᠤᠲᠠ ᠬᠦᠳᠡᠭᠡ ᠶᠢᠨ ᠲᠣᠣᠷ᠎ᠠ ᠣᠷᠣᠯᠭᠠᠲᠣ ᠣᠯᠠᠨ ᠲᠦᠮᠡᠨ ᠤ ᠣᠷᠣᠨ ᠰᠠᠭᠤᠴᠠ ᠶᠢᠨ ᠨᠦᠬᠦᠴᠡᠯ | ᠢ ᠦᠷᠬᠦᠯᠵᠢᠯᠡᠨ ᠰᠠᠶᠢᠵᠢᠷᠠᠭᠤᠯᠪᠠ᠃ ᠠᠷᠠᠳ ᠤᠨ ᠣᠷᠠᠯᠢᠭᠴᠢᠳ ᠤᠨ ᠬᠡᠪᠴᠢᠶᠡᠵᠢᠯ ᠲᠠᠢ ᠵᠣᠬᠢᠶᠠᠨ ᠪᠠᠶᠢᠭᠤᠯᠣᠯᠲᠠ | ᠶᠢ 40 ᠬᠦᠭᠵᠢᠬᠦᠯᠣᠨ᠂ ᠰᠣᠶᠣᠯ ᠤᠨ ᠲᠠᠭᠤᠷᠢᠶᠠᠯ ᠡᠷᠣᠭᠡ ᠶᠢ 184᠂ ᠲᠠᠯ᠎ᠠ ᠨᠣᠲᠤᠭ ᠤᠨ ᠨᠣᠮ ᠤᠨ ᠦᠷᠦᠭᠡ | ᠶᠢ 86 ᠪᠠᠶᠢᠭᠤᠯᠵᠣ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠪᠦᠬᠦ ᠭᠥᠷᠢᠶ᠎ᠡ ᠴᠠᠷᠠᠭ᠎ᠠ ᠪᠦᠬᠦ ᠴᠠᠭ | ᠬᠤᠭᠤᠴᠠᠭᠠᠨ ᠤ ᠲᠥᠭᠡᠮᠡᠯᠵᠢᠯ ᠢ ᠪᠡᠶᠡᠯᠡᠭᠦᠯᠪᠡ᠃ ︽ᠡᠷᠡᠬᠦᠯ ᠡᠩᠭᠡ ᠡᠮᠣᠨᠡᠲᠣ ᠣᠲᠤᠭ︾ ᠤᠨ ᠪᠠᠶᠢᠭᠤᠯᠣᠯᠲᠠ | ᠯᠠᠪᠳᠠᠭᠤᠨ ᠠᠬᠢᠵᠤ᠂ ᠰᠢᠨ᠎ᠡ ᠪᠠᠷ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ 46 ᠪᠠᠶᠢᠭᠤᠯᠵᠣ᠂ ᠮᠢᠩᠭᠠᠨ ᠬᠦᠮᠦᠨ ᠲᠣᠳᠣᠮ ᠤᠨ | ᠡᠪᠡᠳᠴᠢᠳᠡᠨ ᠤ ᠣᠷᠣ ᠪᠠᠡᠮᠨᠡᠯᠭᠡ ᠶᠢᠨ ᠠᠵᠢᠯᠳᠠᠨ ᠢ 2012 ᠣᠨ ᠠᠴᠠ ᠲᠣᠰᠪᠣᠷᠢ 39.7% ᠪᠠ 22.1% | ᠨᠡᠮᠡᠭᠳᠡᠭᠦᠯᠦᠨ᠂ ᠪᠦᠬᠦ ᠬᠤᠲᠠ ᠳᠤ ᠪᠠᠨ ᠲᠡᠷᠢᠭᠦᠯᠡᠨ ᠮᠠᠯᠵᠢᠬᠤ ᠲᠠᠷᠢᠶᠠᠯᠠᠬᠤ ᠣᠷᠣᠨ ᠤ ᠡᠷᠡᠬᠦᠯ ᠮᠡᠨᠳᠣ ᠶᠢᠨ ᠡᠮ | ᠤᠨ ᠬᠠᠶᠢᠷᠴᠠᠭ ᠤᠨ ᠪᠦᠬᠦ ᠪᠦᠷᠬᠦᠴᠠ ᠶᠢ ᠪᠡᠶᠡᠯᠡᠬᠦᠯᠪᠡ᠃ ︽ᠴᠠᠬᠢᠷᠮ᠎ᠠ ᠴᠢᠳᠠᠪᠦᠷᠢᠳᠡᠨ︾ ᠪᠠᠶᠢᠯᠳᠣᠬᠤ | ᠪᠣᠳᠣᠯᠭ᠎ᠠ ᠶᠢ ᠭᠦᠨᠵᠡᠭᠡᠢ ᠭᠡᠷᠡᠭᠵᠢᠬᠦᠯᠵᠣ᠂ ᠲᠣᠰᠬᠠᠢ ᠴᠢᠳᠠᠪᠦᠷᠢᠳᠠᠨ ᠢ 935 ᠣᠷᠣᠭᠤᠯᠵᠣ᠂ ᠣᠯᠣᠰ ᠤᠨ | ᠲᠣᠰᠬᠠᠢ ᠠᠰᠢᠭ ᠢ 107 ᠣᠯᠵᠣ᠂ ︽ᠪᠦᠬᠦ ᠣᠯᠣᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠲᠡᠷᠢᠭᠦᠨ | ᠤ ᠰᠢᠶᠠᠨ︾ ᠢᠶᠠᠷ ᠦᠨᠡᠯᠡᠭᠳᠡᠨ᠂ ᠰᠢᠨᠵᠢᠯᠡᠭᠡ ᠮᠡᠷᠭᠡᠵᠢᠯ ᠡᠳᠣᠷ ᠢᠷᠡᠬᠦᠶ᠎ᠡ ᠪᠦᠲᠦᠴᠡ ᠶᠢᠨ ᠬᠤᠪᠢᠷᠠᠭᠤᠯᠣᠯᠲᠠ᠂ | ᠰᠢᠨᠡᠴᠢᠯᠡᠯ ᠲᠠᠢ ᠬᠦᠭᠵᠢᠯᠲᠡ ᠶᠢᠨ ᠭᠤᠣᠯ ᠬᠦᠳᠡᠯᠭᠡᠭᠴᠢ ᠬᠦᠴᠦᠨ ᠪᠣᠯᠪᠠ᠃ ᠲᠠᠪᠣᠨ ᠵᠢᠯ ᠠᠷᠠᠳ ᠤᠨ ᠲᠦᠯᠦᠭᠡ | ᠬᠦᠴᠦᠯᠡᠨ ᠴᠢᠷᠮᠠᠶᠢᠵᠣ᠂ ᠪᠦᠬᠦ ᠬᠤᠰᠢᠭᠤᠨ ᠤ ᠡᠯ᠎ᠡ ᠦᠨᠳᠣᠰᠣᠲᠡᠨ ᠤ ᠠᠷᠠᠳ ᠲᠦᠮᠡᠨ ᠤ ᠬᠦᠷᠲᠡᠮᠵᠢ ᠶᠢ | ᠲᠡᠭᠡᠭᠰᠢᠯᠡᠬᠦᠯᠣᠭ᠍ᠰᠡᠨ ᠮᠦᠷᠲᠡᠭᠡᠨ ᠠᠷᠠᠳ ᠢᠶᠠᠷ ᠭᠤᠣᠯ ᠪᠣᠯᠭᠠᠬᠤ ᠵᠠᠰᠠᠭᠯᠠᠯ ᠢ ᠲᠣᠪᠣᠶᠢᠯᠭᠠᠭᠰᠠᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠵᠠᠰᠠᠯᠲᠠ ᠶᠢᠨ ᠴᠢᠳᠠᠪᠣᠷᠢ ᠶᠢᠨ ᠣᠳᠣᠬᠢᠴᠢᠯᠠᠯᠲᠠ ᠶᠢ ᠬᠦᠴᠦᠯᠡᠨ | ᠠᠬᠢᠭᠤᠯᠵᠣ᠂ ᠬᠡᠪ ᠰᠣᠷᠲᠠᠯ ᠢᠶᠠᠨ ᠰᠠᠶᠢᠵᠢᠷᠠᠭᠤᠯᠣᠨ ᠦᠷ᠎ᠡ ᠪᠦᠲᠦᠮᠵᠢ ᠪᠠᠨ ᠲᠡᠭᠡᠭᠰᠢᠯᠡᠬᠦᠯᠵᠣ᠂ ᠵᠠᠰᠠᠭ ᠤᠨ | ᠣᠷᠳᠣᠨ ᠤ ᠪᠠᠶᠢᠭᠤᠯᠣᠯᠲᠠ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠰᠢᠨ᠎ᠡ ᠱᠠᠲᠣᠨ ᠳᠤ ᠭᠠᠷᠭᠠᠪᠠ᠃ ᠬᠤᠰᠢᠭᠤ ᠨᠡᠮ | ᠤᠨ ᠬᠤᠷᠢᠶᠠᠨ ᠤ ᠣᠳᠣᠷᠢᠳᠣᠯᠭ᠎ᠠ ᠶᠢ ᠰᠢᠭᠤᠷᠬᠠᠢ ᠬᠦᠯᠢᠶᠡᠨ᠂ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ | ᠤᠨ ᠬᠠᠣᠯᠢ ᠶᠣᠰᠣᠨ ᠤ ᠬᠢᠨᠠᠯᠲᠠ ᠪᠣᠯᠣᠨ ᠤᠯᠤᠰ ᠲᠦᠷᠤ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠣ᠂ ᠡᠯ᠎ᠡ ᠲᠠᠯ᠎ᠠ ᠶᠢᠨ ᠬᠢᠨ ᠤ ᠰᠠᠨᠠᠯ ᠳᠣᠷᠠᠳᠣᠯᠭ᠎ᠠ ᠶᠢ ᠦᠷᠬᠡᠨ ᠲᠡᠯᠭᠡᠷᠡᠩᠬᠦᠢ | ᠰᠣᠨᠣᠰᠴᠣ᠂ ᠲᠠᠪᠣᠨ ᠵᠢᠯ ᠳᠤ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ 351᠂ ᠣᠯᠣᠰ ᠲᠦᠷᠦ | ᠶᠢᠨ ᠵᠦᠪᠯᠡᠯᠭᠡᠨ ᠤ ᠬᠡᠰᠢᠬᠦᠳ ᠤᠨ ᠲᠣᠷᠠᠳᠣᠯᠭ᠎ᠠ ᠶᠢ 796 ᠬᠦᠢᠴᠡᠳᠬᠡᠵᠣ᠂ ᠬᠦᠢᠴᠡᠳᠬᠡᠯᠲᠡ 100% ᠳᠤ | ᠬᠦᠷᠪᠡ᠃ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠢᠮ ᠤᠨ ᠦᠬᠡᠷᠡᠴᠢᠯᠡᠯᠲᠡ ᠶᠢ ᠬᠦᠨᠵᠡᠭᠡᠢ ᠠᠬᠢᠭᠤᠯᠵᠣ᠂ | ᠪᠦᠬᠦ ᠬᠤᠲᠠ ᠳᠤ ᠪᠠᠨ ᠲᠡᠷᠢᠭᠦᠯᠡᠨ ︽ᠨᠢᠬᠡᠯᠡ ᠴᠣᠩᠬᠤᠪᠴᠢ ᠪᠠᠷ ᠬᠦᠢᠴᠡᠳᠬᠡᠬᠦ︾ ᠂ ︽ᠰᠦᠯᠵᠢᠶᠡᠨ ᠲᠡᠭᠡᠷ᠎ᠡ | ᠬᠠᠮᠳᠣᠳᠬᠠᠨ ᠵᠦᠪᠰᠢᠶᠡᠷᠡᠬᠦ︾ ᠵᠠᠭᠪᠣᠷ ᠪᠣᠯᠣᠨ ᠬᠤᠰᠢᠭᠤ ᠪᠠᠯᠭᠠᠰᠣ ᠭᠠᠴᠠᠭ᠎ᠠ ᠲᠣᠰᠬᠤᠨ ᠤ ︽ᠭᠤᠷᠪᠠᠨ ᠱᠠᠳᠣᠨ ︾ | ᠤ ᠣᠶᠣᠨᠴᠢ ᠵᠠᠰᠠᠭ ᠤᠨ ᠶᠠᠪᠣᠳᠠᠯ ᠤᠨ ᠬᠤᠯᠪᠣᠭᠠᠳᠣ ᠦᠢᠯᠡᠴᠢᠯᠡᠭᠡ ᠶᠢ ᠬᠡᠷᠡᠭᠵᠢᠬᠦᠯᠵᠣ᠂ ᠵᠠᠰᠠᠭ ᠵᠠᠬᠢᠷᠭᠠᠨ ᠤ | ᠵᠦᠪᠰᠢᠶᠡᠷᠡᠯ ᠤᠨ ᠬᠤᠷᠳᠣᠴᠠ ᠶᠢ 60% ᠠᠴᠠ ᠲᠡᠭᠡᠭᠰᠢ ᠳᠤ ᠬᠦᠷᠭᠡᠵᠤ᠂ ᠪᠦᠬᠦ ᠣᠯᠣᠰ ᠤᠨᠵᠠᠰᠠᠭ ᠤᠨ ᠶᠠᠪᠣᠳᠠᠯ | ᠤᠨ ᠦᠢᠯᠡᠴᠢᠯᠡᠭᠡ ᠵᠠᠰᠠᠭ ᠵᠠᠬᠢᠷᠭᠠᠨ ᠤ ᠵᠦᠪᠰᠢᠶᠡᠷᠡᠯ ᠤᠨ ᠰᠢᠨᠡᠴᠢᠯᠡᠯ ᠤᠨ ᠱᠠᠩᠨᠠᠯ ᠬᠦᠷᠲᠡᠪᠡ᠃ ᠨᠡᠶᠢᠬᠡᠮ ᠤᠨ | ᠬᠠᠮᠢᠶᠠᠷᠣᠯᠲᠠ ᠶᠢᠨ ᠰᠢᠨᠡᠴᠢᠯᠡᠯ ᠢ ᠴᠢᠩᠭᠠᠳᠬᠠᠵᠤ᠂ ᠮᠤᠷᠠᠯ ᠢᠶᠠᠷ ᠵᠠᠰᠠᠬᠤ᠂ ᠦᠪᠡᠷᠳᠡᠬᠡᠨ ᠵᠠᠰᠠᠬᠤ᠂ ᠬᠠᠮᠳᠤ ᠪᠠᠷ | ᠵᠠᠰᠠᠬᠤ᠂ ᠬᠠᠤᠯᠢ ᠪᠠᠷ ᠵᠠᠰᠠᠬᠤ ᠪᠠᠷ ᠭᠤᠣᠯ ᠪᠣᠯᠭᠠᠭᠰᠠᠨ ᠣᠯᠠᠨ ᠡᠰᠢᠲᠣ ᠨᠠᠶᠢᠬᠡᠮ ᠤᠨ ᠵᠠᠰᠠᠯᠳᠠ ᠶᠢᠨ ᠵᠠᠭᠪᠤᠷ ᠢ | ᠪᠦᠬᠦ ᠬᠤᠳᠠ ᠳᠤ ᠳᠡᠯᠬᠡᠷᠡᠬᠦᠯᠤᠨ ᠬᠡᠷᠡᠭᠯᠡᠵᠤ᠂ ᠠᠩᠬᠠᠳᠠᠭᠴᠢ ᠪᠦᠯᠦᠭ ᠪᠦᠬᠦ ᠣᠯᠣᠰ ᠤᠨ ᠨᠡᠶᠢᠭᠡᠮ ᠤᠨ ᠵᠠᠰᠠᠯᠳᠠ | ᠶᠢᠨ ᠰᠢᠨᠡᠴᠢᠯᠡᠯ ᠤᠨ ᠰᠢᠯᠢᠳᠡᠭ ᠭᠠᠵᠠᠷ ᠣᠷᠣᠨ ᠢᠶᠠᠷ ᠦᠨᠡᠯᠡᠭᠳᠡᠪᠡ︔ ᠰᠦᠯᠵᠢᠶᠡᠨ ᠲᠡᠬᠡᠷᠡᠬᠢ ᠵᠠᠬᠢᠳᠠᠯ | ᠰᠣᠷᠪᠣᠯᠵᠢᠯᠠᠭ᠎ᠠ ᠶᠢᠨ ᠦᠨᠳᠣᠰᠣᠨ ᠱᠠᠲᠣᠨ ᠳᠠᠬᠢ ᠬᠡᠷᠡᠭᠯᠡᠬᠡᠨ ᠤ ᠠᠵᠢᠯ ᠤᠨ ᠲᠣᠷᠰᠢᠯᠭ᠎ᠠ ᠪᠦᠬᠦ ᠣᠯᠣᠰ ᠲᠤ | ᠲᠦᠬᠡᠮᠡᠯᠵᠢᠵᠣ᠂ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ ᠲᠣᠪᠴᠢᠶ᠎ᠠ ᠪᠦᠬᠦ ᠣᠯᠣᠰ ᠤᠨ ᠵᠠᠬᠢᠳᠠᠯ | ᠰᠣᠷᠪᠣᠯᠵᠢᠯᠠᠭ᠎ᠠ ᠶᠢᠨ ᠰᠢᠰᠲ᠋ᠧᠮ ᠤᠨ ᠲᠡᠷᠢᠬᠦᠨ ᠤ ᠬᠠᠮᠳᠣ ᠪᠠᠷ ᠦᠨᠡᠯᠡᠭᠳᠡᠪᠡ᠃ ᠨᠠᠮ ᠤᠨ ᠣᠯᠠᠨ ᠲᠦᠮᠡᠨᠴᠢ | ᠱᠣᠭᠤᠮ ᠤᠨ ᠬᠦᠮᠦᠵᠢᠯ ᠣᠶᠢᠯᠠᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠳᠠᠢ︾ ᠲᠣᠰᠬᠠᠢ | ᠬᠦᠮᠦᠵᠢᠯ ᠪᠣᠯᠣᠨ ︽ᠬᠤᠶᠠᠷ ᠢ ᠰᠣᠷᠣᠯᠴᠠᠵᠣ ᠬᠢᠷᠢ ᠲᠠᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ | ᠬᠦᠮᠦᠵᠢᠯ ᠢ ᠬᠦᠨᠵᠡᠬᠡᠢ ᠦᠷᠨᠢᠭᠦᠯᠵᠣ᠂ ᠲᠦᠪ ᠤᠨ ︽ ᠨᠠᠢᠮᠠᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠣ᠂ | ᠲᠣᠭᠤᠷᠢᠨ ᠪᠠᠶᠢᠴᠠᠭᠠᠯᠲᠠ ᠶᠢᠨ ᠴᠡᠭᠴᠡᠯᠡᠯᠲᠡ ᠶᠢᠨ ᠡᠬᠦᠷᠭᠡ ᠶᠢ ᠬᠢᠨᠠᠮᠠᠭᠠᠢ ᠨᠠᠶᠢᠲᠠᠪᠣᠷᠢᠵᠢᠭᠤᠯᠣᠨ᠂ ᠠᠯᠪᠠᠨ ᠲᠡᠷᠭᠡᠨ | ᠤ ᠦᠬᠡᠷᠡᠴᠢᠯᠡᠯᠲᠡ ᠶᠢ ᠡᠷᠴᠢᠮᠲᠠᠢ ᠠᠬᠢᠭᠤᠯᠵᠣ᠂ ᠡᠩ ᠤᠨ ᠵᠠᠷᠣᠯᠭ᠎ᠠ ᠪᠣᠯᠣᠨ ︽ᠭᠤᠷᠪᠠᠨ ᠠᠯᠪᠠᠨ ᠵᠠᠷᠣᠳᠠᠯ︾ ᠢ | ᠲᠣᠰᠪᠣᠷᠢ 5.1% ᠪᠠ 8.7%ᠪᠠᠭᠠᠰᠬᠠᠵᠤ᠂ 61 ᠳ᠋ᠦᠩᠰᠢᠭᠤᠷ ᠲᠦᠬᠦᠷᠢᠭ ᠵᠠᠰᠠᠭ ᠤᠨ ᠤᠷᠳᠤᠨ ᠤ ᠦᠷᠢ | ᠦᠭᠴᠡᠭᠡ ᠶᠢ ᠰᠢᠢᠳᠪᠣᠷᠢᠯᠡᠪᠡ︔ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ᠂ ᠴᠢᠬᠤᠯᠠ | ᠰᠢᠢᠳᠪᠦᠷᠢ ᠲᠣᠭᠳᠠᠭᠠᠯᠳᠠ ᠶᠢᠨ ᠬᠠᠣᠯᠢ ᠳᠤ ᠨᠡᠶᠢᠴᠡᠬᠦ ᠬᠢᠨᠠᠨ ᠵᠦᠪᠰᠢᠶᠡᠷᠡᠯ ᠵᠡᠷᠭᠡ ᠲᠦᠷᠢᠮ ᠲᠣᠭᠲᠠᠴᠠ ᠶᠢ | ᠲᠣᠭᠲᠠᠭᠠᠨ ᠲᠡᠬᠦᠯᠳᠡᠷᠵᠢᠬᠦᠯᠵᠣ᠂ ᠡᠷᠬᠡ ᠶᠢᠨ ᠠᠵᠢᠯᠯᠠᠮᠵᠢ ᠶᠢᠨ ᠬᠢᠨᠠᠯᠲᠠ ᠪᠣᠯᠣᠨ ᠰᠠᠯᠠᠭᠠᠨ ᠲᠠᠰ ᠤᠨ | ᠣᠳᠣᠷᠢᠳᠬᠤ ᠺᠠᠳ᠋ᠷ ᠤᠨ ᠠᠵᠣ ᠠᠬᠤᠢ ᠶᠢᠨ ᠬᠠᠷᠢᠭᠤᠴᠠᠯᠭ᠎ᠠ᠂ ᠠᠮᠢ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠶᠢ ᠴᠢᠩᠭᠠᠳᠬᠠᠵᠣ᠂ ᠬᠠᠣᠯᠢ ᠰᠠᠬᠢᠯᠭ᠎ᠠ ᠵᠦᠷᠢᠴᠡᠭᠰᠡᠨ ᠦᠢᠯᠡ ᠠᠵᠢᠯᠯᠠᠭ᠎ᠠ ᠶᠢ ᠡᠷᠡᠰ ᠴᠢᠩᠭ᠎ᠠ | ᠪᠠᠶᠢᠴᠠᠭᠠᠨ ᠰᠢᠢᠳᠪᠣᠷᠢᠯᠡᠵᠣ᠂ ᠠᠯᠪᠠᠲᠠᠳ ᠤᠨ ᠡᠩᠨᠡᠬᠡᠨ ᠤ ᠣᠯᠣᠰ ᠲᠦᠷᠦ ᠶᠢᠨ ᠣᠬᠠᠮᠰᠠᠷ᠂ ᠪᠦᠬᠦ ᠲᠠᠯ᠎ᠠ ᠶᠢᠨ | ᠣᠬᠠᠮᠰᠠᠷ᠂ ᠭᠤᠣᠯᠯᠠᠭᠴᠢ ᠶᠢᠨ ᠣᠬᠠᠮᠰᠠᠷ᠂ ᠨᠢᠬᠡᠳᠣᠯᠲᠠᠢ ᠪᠠᠶᠢᠬᠤ ᠣᠬᠠᠮᠰᠠᠷ ᠢ ᠪᠦᠬᠦ ᠲᠠᠯ᠎ᠠ ᠪᠠᠷ | ᠲᠡᠭᠡᠭᠰᠢᠯᠡᠬᠦᠯᠪᠡ᠃ ᠲᠠᠪᠣᠨ ᠵᠢᠯ ᠤᠨ ᠢᠳᠡᠷᠡᠬᠦᠨ ᠪᠣᠳᠠᠲᠠᠢ ᠠᠵᠢᠯᠯᠠᠭ᠎ᠠ ᠵᠠᠰᠠᠭ ᠤᠨ ᠣᠷᠳᠣᠨ ᠤ ᠢᠲᠡᠬᠡᠬᠦᠯᠬᠦ | ᠬᠦᠴᠦᠨ ᠢ ᠨᠡᠮᠡᠭᠳᠡᠬᠦᠯᠣᠭ᠍ᠰᠡᠨ ᠮᠦᠷᠲᠡᠭᠡᠨ ᠨᠡᠩ ᠲᠦᠪ ᠴᠢᠬᠢᠮᠢ ᠠᠷᠢᠭᠤᠨ ᠴᠢᠭᠡᠴᠢ ᠪᠦᠲᠦᠮᠵᠢ ᠲᠡᠬᠦᠯᠳᠡᠷ | ᠬᠦᠭᠵᠢᠯᠲᠡ ᠶᠢᠨ ᠣᠷᠴᠢᠨ ᠢ ᠪᠦᠷᠢᠯᠳᠣᠬᠦᠯᠦᠭᠰᠡᠨ ᠪᠠᠶᠢᠨ᠎ᠠ᠃ | ᠡᠬᠦᠨ ᠠᠴᠠ ᠭᠠᠳᠠᠨ᠎ᠠ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠠᠷᠠᠳᠴᠢᠯᠠᠯ | ᠬᠠᠣᠯᠢ ᠲᠦᠷᠢᠮ᠂ ᠦᠨᠳᠣᠰᠣᠲᠡᠨ ᠱᠠᠰᠢᠨ ᠰᠣᠷᠲᠠᠬᠤᠨ᠂ ᠲᠤᠭ᠎ᠠ ᠪᠦᠷᠢᠳᠭᠡᠯ᠂ ᠲᠠᠩᠰᠠ ᠡᠪᠬᠡᠮᠡᠯ᠂ ᠠᠷᠠᠳ ᠤᠨ | ᠠᠭᠠᠷ ᠰᠡᠷᠬᠡᠶᠢᠯᠡᠯᠲᠡ᠂ ᠴᠠᠭ ᠠᠭᠤᠷ᠂ ᠡᠮᠡᠭᠲᠡᠶᠢᠴᠣᠳ ᠬᠡᠣᠬᠡᠳ᠂ ᠨᠠᠰᠣᠲᠠᠶᠢᠴᠣᠳ ᠤᠨ ᠦᠢᠯᠡᠰ ᠵᠡᠷᠬᠡ ᠠᠵᠢᠯ | ᠴᠦᠮ ᠢᠯᠡᠷᠬᠡᠢ ᠲᠠᠪᠰᠢᠯᠲᠠ ᠲᠠᠢ ᠪᠣᠯᠪᠠ᠃ | ᠲᠦᠯᠦᠭᠡᠯᠡᠭᠴᠢᠳ ᠡ᠂ ᠲᠠᠪᠣᠨ ᠵᠢᠯ ᠤᠨ ᠲᠣᠷᠰᠢ᠂ ᠪᠢᠳᠠ ᠠᠵᠣ ᠦᠢᠯᠡᠰ ᠤᠨ ᠬᠡᠯᠪᠡᠷᠢ ᠶᠢᠨ | ᠬᠤᠪᠢᠷᠠᠭᠤᠯᠣᠯᠲᠠ᠂ ᠪᠦᠲᠦᠴᠡ ᠶᠢᠨ ᠲᠣᠬᠢᠷᠠᠭᠤᠯᠣᠯᠲᠠ ᠶᠢᠨ ᠬᠠᠳᠠᠭᠤᠵᠢᠯ ᠢ ᠲᠣᠭᠤᠯᠣᠭᠰᠠᠨ ᠢᠶᠠᠷ ᠦᠯᠦ ᠪᠠᠷᠠᠨ᠂ | ᠬᠤᠲᠠ ᠬᠦᠳᠡᠭᠡ ᠶᠢᠨ ᠯᠣᠳᠣ ᠬᠤᠪᠢᠷᠠᠯᠲᠠ᠂ ᠠᠷᠠᠳ ᠤᠨ ᠠᠮᠢᠳᠣᠷᠠᠯ ᠤᠨ ᠴᠢᠨᠠᠷ ᠤᠨ ᠲᠡᠭᠡᠭᠰᠢᠯᠡᠯᠲᠡ ᠶᠢᠨ | ᠪᠠᠶᠠᠷᠯᠠᠭᠤᠰᠢᠲᠡᠢ ᠠᠮᠵᠢᠯᠲᠠ ᠶᠢ ᠣᠯᠣᠭᠰᠠᠨ ᠪᠠᠶᠢᠨ᠎ᠠ︔ ᠠᠵᠣ ᠠᠬᠤᠢ ᠶᠢᠨ ᠣᠷᠣᠭᠤᠳᠠᠯ᠂ ᠨᠡᠮᠡᠭᠳᠡᠯ ᠤᠨ | ᠬᠤᠷᠳᠣᠴᠠ ᠶᠢᠨ ᠣᠳᠠᠭᠠᠰᠢᠷᠠᠯ ᠤᠨ ᠳᠠᠷᠣᠯᠲᠠ ᠲᠣᠣᠷ᠎ᠠ ᠴᠣ᠋ ᠰᠢᠨᠵᠢᠯᠡᠬᠦ ᠣᠬᠠᠭᠠᠨᠴᠢ ᠪᠠᠷ ᠬᠦᠭᠵᠢᠬᠦᠯᠬᠦ᠂ ᠪᠦᠬᠦ | ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠢᠲᠡᠭᠡᠯ ᠵᠣᠷᠢᠭ ᠢᠶᠠᠨ ᠬᠦᠪᠴᠢᠯᠡᠭᠰᠡᠨ ᠪᠠᠶᠢᠨ᠎ᠠ᠃ ᠪᠢᠳᠠ ᠨᠠᠮ ᠤᠨ | ᠲᠦᠪ ᠬᠤᠷᠢᠶ᠎ᠡ᠂ ᠲᠡᠭᠡᠳᠣ ᠱᠠᠲᠣᠨ ᠤ ᠨᠠᠮ ᠤᠨ ᠬᠤᠷᠢᠶ᠎ᠡ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ | ᠬᠤᠷᠢᠶᠠᠨ ᠤ ᠵᠢᠯᠣᠭᠤᠳᠣᠯᠭ᠎ᠠ ᠲᠣᠣᠷᠠᠢᠳᠡᠭᠡᠯ ᠲᠡᠬᠦᠯᠳᠡᠷ ᠡᠷᠡᠮᠡᠭᠡᠶᠢᠯᠡᠨ ᠣᠷᠣᠭᠰᠢᠯᠠᠭᠰᠠᠨ ᠶᠣᠮ︔ ᠬᠤᠰᠢᠭᠤ | ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠂ ᠤᠯᠤᠰ ᠲᠦᠷᠤ ᠶᠢᠨ ᠵᠦᠪᠯᠡᠯᠬᠡᠨ ᠤ ᠬᠢᠨᠠᠯᠲᠠ ᠳᠡᠮᠵᠢᠯᠭᠡ᠂ | ᠬᠠᠮᠲᠣ ᠶᠢᠨ ᠴᠢᠷᠮᠠᠶᠢᠯᠭ᠎ᠠ ᠲᠣᠣᠷ᠎ᠠ ᠵᠣᠷᠢᠭ ᠲᠡᠬᠦᠯᠳᠡᠷ ᠭᠠᠪᠰᠢᠭᠠᠶᠢᠯᠠᠨ ᠣᠷᠣᠭᠰᠢᠯᠠᠭᠰᠠᠨ ᠶᠣᠮ︔ ᠪᠦᠬᠦ | ᠬᠤᠰᠢᠭᠤᠨ ᠤ ᠺᠠᠳ᠋ᠷ ᠣᠯᠠᠨ ᠲᠦᠮᠡᠨ ᠯᠦᠭᠡ ᠰᠡᠳᠬᠢᠯ ᠨᠢᠭᠡᠳᠣᠨ ᠰᠢᠨ᠎ᠡ ᠶᠢ ᠡᠬᠦᠳᠣᠨ ᠦᠢᠯᠡᠰ ᠪᠣᠰᠬᠠᠵᠣ᠂ | ᠬᠦᠴᠢᠷ ᠪᠡᠷᠭᠡᠡᠴᠠ ᠰᠦᠷᠳᠡᠯ ᠦᠬᠡᠢ ᠡᠷᠴᠢ ᠲᠡᠬᠦᠯᠳᠡᠷ ᠰᠢᠭᠤᠷᠬᠠᠶᠢᠯᠠᠨᠣᠷᠣᠭᠰᠢᠯᠠᠭᠰᠠᠨ ᠶᠣᠮ ᠭᠡᠳᠡᠭ ᠢ | ᠬᠦᠨᠵᠡᠬᠡᠢ ᠤᠶᠢᠯᠠᠭᠠᠵᠤ ᠪᠠᠶᠢᠨ᠎ᠠ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ | ᠠᠷᠢᠭᠤᠨ ᠬᠦᠳᠡᠯᠮᠣᠷᠢ ᠪᠠᠨ ᠵᠣᠷᠢᠭᠤᠯᠣᠭᠰᠠᠨ ᠪᠦᠬᠦ ᠬᠤᠰᠢᠭᠤᠨ ᠤ ᠠᠷᠠᠳ ᠲᠦᠮᠡᠨ᠂ ᠵᠠᠰᠠᠭ ᠤᠨ ᠣᠷᠳᠣᠨ ᠤ | ᠠᠵᠢᠯ ᠢ ᠬᠦᠴᠦᠯᠡᠨ ᠲᠡᠮᠵᠢᠭᠰᠡᠨ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ | ᠪᠣᠯᠣᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠢᠨ᠂ ᠦᠢᠯᠡᠳᠪᠣᠷᠢ ᠬᠤᠳᠠᠯᠳᠣᠭᠠᠨ ᠤ ᠬᠤᠯᠪᠣᠭ᠎ᠠ᠂ ᠠᠷᠠᠳ | ᠤᠨ ᠪᠦᠯᠬᠦᠮ᠂ ᠨᠠᠮ ᠤᠨ ᠪᠣᠰᠣ ᠬᠦᠮᠦᠰ ᠲᠤ᠂ ᠤᠲᠤᠭ ᠤᠨ ᠡᠮᠤᠨᠡᠲᠤ ᠬᠤᠰᠢᠭᠤᠨ ᠤ ᠬᠦᠭᠵᠢᠯᠲᠡ ᠶᠢ | ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠠᠶᠢᠵᠠ ᠨᠦᠬᠦᠳ ᠲᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ | ᠤᠨ ᠲᠠᠯᠠᠷᠬᠠᠯ ᠢᠶᠠᠨ ᠳᠡᠪᠰᠢᠬᠦᠯᠵᠤ ᠪᠠᠶᠢᠨ᠎ᠠ︕ | ᠲᠠᠪᠣᠨ ᠵᠢᠯ ᠤᠨ ᠰᠦᠪᠡᠭᠴᠢᠯᠡᠯ ᠦᠢᠯᠡᠳᠣᠯᠬᠡ ᠶᠢᠨ ᠠᠮᠵᠢᠯᠲᠠ ᠬᠢᠯᠪᠠᠷ ᠪᠣᠰᠣ᠂ ᠲᠣᠷᠰᠢᠯᠭ᠎ᠠ ᠬᠤᠪᠣᠷ | ᠨᠠᠨᠳᠢᠨ ᠶᠣᠮ᠃ ᠪᠢᠳᠠ ᠨᠠᠶᠢᠳᠠᠪᠣᠷᠢᠵᠢᠭᠤᠯᠣᠯᠲᠠ ᠶᠢ ᠠᠳᠬᠤᠬᠤ ᠪᠣᠯ ᠵᠠᠰᠠᠭ ᠤᠨ ᠣᠷᠳᠣᠨ ᠤ ᠠᠵᠢᠯ ᠤᠨ ᠭᠤᠣᠯ | ᠰᠡᠳᠣᠪ᠂ ᠮᠦᠨᠴᠦ ᠠᠮᠢᠨ ᠰᠣᠳᠠᠰᠣ ᠭᠡᠳᠡᠭ ᠢ ᠬᠦᠨᠵᠡᠬᠡᠢ ᠤᠶᠢᠯᠠᠭᠠᠭᠰᠠᠨ ᠪᠠᠶᠢᠨ᠎ᠠ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠵᠢᠷᠤᠭ ᠲᠦᠰᠦᠪ ᠢᠶᠠᠷ ᠬᠦᠭᠵᠢᠯᠲᠡ ᠶᠢ ᠵᠢᠯᠣᠭᠤᠳᠬᠤ | ᠲᠠᠶᠢᠴᠢᠯᠠᠯ ᠢ ᠴᠢᠩᠭᠠᠳᠬᠠᠬᠤ ᠬᠡᠷᠡᠭᠲᠡᠢ᠃ ᠢᠮᠠᠭᠲᠠ ᠬᠤᠰᠢᠭᠤ ᠨᠠᠮ ᠤᠨ ᠬᠤᠷᠢᠶᠠᠨ ᠤ ᠴᠢᠬᠤᠯᠠ ᠰᠢᠢᠳᠪᠦᠷᠢ | ᠲᠣᠭᠳᠠᠭᠠᠯᠳᠠ ᠶᠢᠨ ᠲᠣᠭᠤᠷᠢᠨ ᠳᠤ ᠨᠠᠶᠢᠳᠠᠪᠣᠷᠢᠵᠢᠭᠤᠯᠣᠯᠲᠠ ᠶᠢ ᠠᠳᠬᠤᠬᠤ ᠭᠠᠷᠳᠠᠴᠠ ᠪᠣᠯᠣᠨ ᠬᠦᠴᠦᠯᠡᠴᠡ | ᠪᠠᠨ ᠤᠨᠤᠪᠴᠢᠲᠠᠢ ᠡᠵᠡᠮᠳᠡᠵᠣ᠂ ᠬᠠᠷᠠᠯᠲᠠ ᠪᠠᠨ ᠠᠵᠢᠯ ᠤᠨ ᠲᠣᠳᠣᠷᠬᠠᠢ ᠲᠠᠩᠰᠠ ᠪᠣᠯᠭᠠᠨ ᠨᠠᠷᠢᠯᠢᠭᠵᠢᠭᠤᠯᠵᠣ᠂ | ᠠᠷᠠᠳ ᠤᠨ ᠬᠦᠰᠡᠯ ᠢ ᠪᠣᠳᠠᠲᠣ ᠠᠵᠢᠯᠯᠠᠭ᠎ᠠ ᠪᠣᠯᠭᠠᠨ ᠬᠤᠪᠢᠷᠠᠭᠤᠯᠵᠣ᠂ ᠣᠳᠠᠭᠠᠨ ᠲᠠᠭᠠᠭᠠᠮᠠᠭᠠᠢ ᠰᠢᠨᠲᠠᠷᠠᠰᠢ ᠦᠬᠡᠢ | ᠵᠣᠷᠢᠭ ᠰᠠᠨᠠᠭ᠎ᠠ ᠪᠠᠷ ᠵᠢᠷᠤᠭ ᠲᠦᠰᠦᠪ ᠶᠣᠰᠣᠭᠠᠷ ᠡᠯ᠎ᠡ ᠲᠦᠷᠦᠯ ᠤᠨ ᠠᠷᠭ᠎ᠠ ᠠᠪᠴᠠᠯ ᠢ ᠪᠠᠳᠣᠲᠠᠢ | ᠣᠷᠣᠨᠵᠢᠭᠤᠯᠬᠤ ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠨᠢᠬᠡᠳᠣᠯᠲᠠᠢ ᠲᠦᠯᠦᠪᠵᠢᠬᠦᠯᠬᠡ ᠪᠠᠷ | ᠬᠦᠭᠵᠢᠯᠲᠡ ᠶᠢᠨ ᠣᠳᠣᠷᠢᠳᠣᠮᠵᠢ ᠶᠢ ᠴᠢᠩᠭᠠᠷᠠᠭᠤᠯᠬᠤ ᠬᠡᠷᠡᠭᠲᠡᠢ᠃ ᠢᠮᠠᠭᠲᠠ ᠰᠢᠨ᠎ᠡ ᠠᠵᠣ ᠦᠢᠯᠡᠰ ᠢ | ᠪᠣᠶᠢᠵᠢᠭᠤᠯᠬᠤ ᠪᠠ ᠣᠯᠠᠮᠵᠢᠯᠠᠯᠲᠣ ᠠᠵᠣ ᠦᠢᠯᠡᠰ ᠢ ᠲᠡᠰ ᠲᠠᠪᠰᠢᠭᠤᠯᠬᠤ ᠶᠢ ᠬᠠᠮᠲᠣ ᠳᠤᠨᠢ ᠠᠬᠢᠭᠤᠯᠬᠤ᠂ ᠬᠤᠲᠠ | ᠪᠠᠯᠭᠠᠰᠣᠨ ᠤ ᠬᠡᠪ ᠴᠢᠨᠰᠠᠭ᠎ᠠ ᠶᠢ ᠲᠡᠭᠡᠭᠰᠢᠯᠡᠬᠦᠯᠬᠦ ᠪᠠ ᠬᠦᠳᠡᠭᠡ ᠲᠣᠰᠬᠤᠨ ᠤ ᠣᠷᠴᠢᠨ ᠲᠣᠭᠤᠷᠢᠨ ᠢ | ᠰᠢᠯᠢᠳᠡᠭᠵᠢᠬᠦᠯᠬᠦ ᠶᠢ ᠵᠣᠬᠢᠴᠠᠭᠤᠯᠬᠤ᠂ ᠠᠮᠢ ᠠᠬᠤᠢ ᠶᠢᠨ ᠪᠣᠯᠪᠠᠰᠣᠨ ᠪᠠ ᠠᠵᠣ ᠠᠬᠤᠢ ᠨᠡᠶᠢᠬᠡᠮ ᠢ ᠬᠠᠮᠳᠣᠳᠬᠠᠨ | ᠬᠦᠭᠵᠢᠬᠦᠯᠬᠦ ᠶᠢ ᠪᠠᠷᠢᠮᠲᠠᠯᠠᠵᠣ᠂ ᠠᠪᠴᠠᠯᠳᠣᠭᠤᠯᠣᠨ ᠠᠬᠢᠭᠤᠯᠵᠣ ᠠᠯᠬᠤᠮ ᠠᠯᠬᠤᠮ ᠢᠶᠠᠷ ᠣᠷᠣᠭᠰᠢᠯᠠᠨ᠂ ᠡᠯ᠎ᠡ | ᠲᠦᠷᠦᠯ ᠤᠨ ᠠᠵᠢᠯ ᠦᠢᠯᠡᠰ ᠢ ᠵᠡᠷᠬᠡᠪᠡᠷ ᠠᠬᠢᠭᠤᠯᠬᠤ ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠰᠢᠷᠢᠰ ᠠᠷᠭ᠎ᠠ ᠠᠪᠴᠠᠯ ᠢᠶᠠᠷ ᠬᠦᠭᠵᠢᠯᠲᠡ | ᠶᠢᠨ ᠪᠠᠳᠣᠯᠠᠭᠠᠶᠢ ᠴᠢᠩᠭᠠᠳᠬᠠᠬᠤ ᠬᠡᠷᠡᠭᠲᠡᠢ᠃ ᠢᠮᠠᠭᠲᠠ ᠪᠠᠶᠢᠭᠤᠯᠣᠮᠵᠢ ᠲᠣᠭᠲᠠᠴᠠ ᠪᠠᠷ ᠦᠨᠳᠣᠰᠣᠨ ᠭᠠᠷᠬᠤ ᠵᠠᠮ | ᠪᠣᠯᠭᠠᠵᠣ᠂ ᠡᠬᠢ ᠰᠣᠷᠪᠣᠯᠵᠢ ᠶᠢᠨ ᠲᠣᠬᠢᠷᠠᠭᠤᠯᠣᠯᠲᠠ ᠶᠢ ᠰᠢᠯᠢᠳᠡᠭᠵᠢᠬᠦᠯᠬᠦ ᠪᠠᠷ ᠪᠦᠲᠦᠮᠵᠢᠲᠠᠢ ᠠᠷᠭ᠎ᠠ ᠪᠠᠷᠢᠯ | ᠪᠣᠯᠭᠠᠨ᠂ ᠵᠠᠰᠠᠭ ᠤᠨ ᠶᠠᠪᠣᠳᠠᠯ ᠤᠨ ᠪᠦᠲᠦᠮᠵᠢ ᠶᠢ ᠲᠡᠭᠡᠭᠰᠢᠯᠡᠬᠦᠯᠬᠦ ᠪᠠᠷ ᠴᠢᠬᠤᠯᠠ ᠰᠠᠭᠤᠷᠢ ᠪᠣᠯᠭᠠᠵᠣ᠂ ᠭᠡᠪᠰᠢᠮᠡᠯ | ᠰᠡᠳᠬᠢᠴᠡ ᠶᠢ ᠵᠣᠷᠢᠭᠲᠠᠢ ᠲᠠᠶᠠᠭᠳᠠᠨ᠂ ᠬᠦᠭᠵᠢᠯᠲᠡ ᠶᠢᠨ ᠬᠦᠴᠦᠨ ᠵᠦᠢᠯ ᠢ ᠴᠢᠳᠠᠮᠠᠭᠠᠢ ᠪᠠᠷ ᠨᠡᠶᠢᠳᠭᠡᠵᠣ᠂ | ᠨᠠᠷᠢᠯᠢᠭ ᠣᠨᠣᠪᠴᠢᠲᠠᠢ᠂ ᠴᠢᠳᠠᠮᠠᠭᠠᠢ ᠬᠢᠨ ᠭᠠᠷᠮᠠᠭᠠᠢ ᠪᠦᠲᠦᠭᠡᠬᠦ ᠬᠡᠪ ᠰᠣᠷᠲᠠᠯ ᠢᠶᠠᠷ ᠬᠦᠭᠵᠢᠯᠲᠡ ᠶᠢ ᠪᠠᠳᠣᠯᠠᠬᠤ | ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠰᠡᠳᠬᠢᠯ ᠨᠢᠭᠡᠳᠣᠨ ᠬᠦᠭᠵᠢᠯᠲᠡ ᠶᠢ | ᠠᠬᠢᠭᠤᠯᠬᠤ ᠬᠠᠮ ᠬᠦᠴᠦᠨ ᠢ ᠴᠢᠩᠭᠠᠷᠠᠭᠤᠯᠬᠤ ᠬᠡᠷᠡᠭᠲᠡᠢ᠃ ᠢᠮᠠᠭᠲᠠ ᠪᠦᠯᠬᠦᠮᠳᠡᠯ ᠨᠢᠭᠲᠠᠷᠠᠯ ᠢ ᠲᠡᠭᠡᠳᠣᠯᠡᠨ᠂ | ᠠᠯᠢᠪᠠ ᠢᠳᠡᠪᠬᠢ ᠬᠦᠴᠦᠨ ᠵᠦᠢᠯ ᠢ ᠲᠠᠶᠢᠴᠢᠯᠠᠵᠣ᠂ ᠲᠣᠣᠭᠠᠷᠪᠠᠯ ᠲᠠᠭᠤ ᠨᠢᠭᠡᠲᠡᠢ᠂ ᠲᠣᠭᠳᠣᠷᠪᠠᠯ ᠬᠦᠴᠦ ᠨᠢᠬᠡᠲᠡᠢ | ᠪᠠᠷ ᠡᠷᠴᠢ ᠬᠦᠴᠦᠨ ᠢᠶᠠᠨ ᠬᠠᠮᠳᠣᠳᠬᠠᠨ᠂ ᠣᠷᠣᠭᠰᠢᠯᠠᠬᠤ ᠵᠠᠮ ᠳᠠᠬᠢ ᠡᠯ᠎ᠡ ᠵᠦᠢᠯ ᠤᠨ ᠬᠦᠴᠢᠷ ᠪᠡᠷᠭᠡᠰᠢᠶᠡᠯ ᠢ | ᠢᠯᠠᠨ ᠲᠠᠪᠠᠭ᠋ᠣ ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠬᠦᠴᠦ ᠬᠠᠮᠳᠣᠳᠬᠠᠨ ᠠᠵᠢᠯ ᠵᠶ᠋ᠠᠨᠠᠬᠢᠭᠤᠯᠬᠤ | ᠡᠬᠦᠷᠭᠡᠯᠡᠯ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ᠃ ᠢᠮᠠᠭᠲᠠ ᠦᠨᠡᠨ ᠬᠦ ᠬᠢᠵᠣ ᠪᠣᠳᠠᠲᠠᠢ ᠠᠵᠢᠯᠯᠠᠬᠤ ᠶᠢ | ᠪᠠᠷᠢᠮᠲᠠᠯᠠᠨ᠂ ᠬᠦᠴᠦᠨ ᠴᠢᠳᠠᠯ ᠢᠶᠠᠨ ᠲᠦᠪᠯᠡᠷᠡᠬᠦᠯᠣᠨ ᠰᠢᠢᠳᠴᠦ ᠲᠣᠭᠲᠠᠭᠰᠠᠨ ᠣᠴᠢᠷ ᠶᠠᠪᠣᠳᠠᠯ ᠢ | ᠪᠣᠳᠠᠶᠢᠵᠢᠭᠤᠯᠵᠣ᠂ ᠠᠵᠠ ᠲᠣᠬᠢᠶᠠᠯ ᠢ ᠪᠠᠳᠣ ᠡᠵᠡᠮᠳᠡᠨ᠂ ᠣᠯᠠᠨ ᠲᠦᠮᠡᠨ ᠤ ᠠᠰᠢᠭ ᠵᠢᠷᠭᠠᠯ ᠢ ᠨᠡᠮᠡᠭᠳᠡᠬᠦᠯᠵᠣ᠂ | ᠪᠣᠳᠠᠲᠣ ᠠᠮᠵᠢᠯᠲᠠ ᠪᠠᠷ ᠢᠶᠠᠨ ᠠᠷᠠᠳ ᠤᠨ ᠢᠳᠡᠭᠡᠯ ᠢ ᠣᠯᠬᠤ ᠬᠡᠷᠡᠭᠲᠡᠢ᠃ | ᠪᠢᠲᠡ ᠠᠮᠵᠢᠯᠲᠠ ᠪᠠᠨ ᠨᠣᠲᠠᠯᠠᠬᠤ ᠶᠢᠨ ᠬᠠᠮᠲᠣ ᠬᠦᠭᠵᠢᠯᠳᠠ ᠶᠢᠨ ᠲᠣᠮᠳᠠ ᠣᠷᠲᠣ | ᠬᠤᠭᠤᠴᠠᠭᠠᠨᠠᠬᠤᠷᠠᠮᠳᠣᠭᠰᠠᠨ ᠵᠠᠷᠢᠮ ᠬᠦᠨ ᠲᠠᠪᠬᠤᠷᠭ᠎ᠠ ᠶᠢᠨ ᠵᠦᠷᠢᠴᠡᠯ ᠪᠣᠯᠣᠨ ᠠᠰᠠᠭᠤᠳᠠᠯ ᠬᠠᠷᠠᠬᠠᠨ | ᠦᠨᠳᠣᠰᠣᠨ ᠠᠴᠠ ᠪᠠᠨ ᠰᠢᠢᠳᠪᠣᠷᠢᠯᠡᠭᠳᠡᠭᠡᠳᠣᠢ ᠪᠠᠶᠢᠭ᠎ᠠ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠣᠯᠳᠠᠭᠤ᠄ | ᠠᠵᠣ ᠠᠬᠤᠢ ᠶᠢᠨ ᠶᠡᠷᠣᠩᠬᠡᠢ ᠬᠡᠮᠵᠢᠶ᠎ᠡ ᠪᠠᠭ᠎ᠠ᠂ ᠬᠦᠭᠵᠢᠯᠲᠡ ᠬᠦᠢᠴᠡᠳ ᠪᠣᠰᠣ᠂ ᠴᠢᠨᠠᠷ ᠦᠷ᠎ᠡ ᠠᠰᠢᠭ ᠲᠣᠣᠷ᠎ᠠ | ᠪᠠᠶᠢᠬᠤ ᠨᠢ ᠮᠦᠨ ᠯᠠ ᠮᠠᠨ ᠤ ᠬᠤᠰᠢᠭᠤᠨ ᠤ ᠪᠣᠳᠠᠲᠣ ᠪᠠᠶᠢᠳᠠᠯ ᠪᠠᠶᠢᠭᠰᠠᠭᠠᠷ︔ ᠬᠤᠲᠠ ᠬᠦᠳᠡᠭᠡ ᠶᠢᠨ ᠨᠡᠶᠢᠲᠡ | ᠶᠢᠨ ᠡᠬᠢ ᠰᠣᠷᠪᠣᠯᠵᠢ ᠶᠢᠨ ᠡᠵᠡᠯᠡᠬᠦ ᠬᠠᠷᠢᠴᠠᠯ ᠲᠡᠩᠴᠡᠬᠦᠷᠢ ᠦᠬᠡᠢ᠂ ᠨᠡᠶᠢᠲᠡ ᠶᠢᠨ ᠦᠢᠯᠡᠴᠢᠯᠡᠭᠡᠨ ᠤ ᠨᠠᠷᠢᠯᠢᠭ | ᠣᠨᠣᠪᠴᠢ ᠶᠢᠨ ᠲᠦᠪᠰᠢᠨ ᠬᠢᠬᠡᠳ ᠠᠷᠠᠳ ᠤᠨ ᠠᠮᠢᠳᠣᠷᠠᠯ ᠤᠨ ᠣᠯᠠᠨ ᠲᠠᠯᠠᠴᠢᠯᠠᠭᠰᠠᠨ ᠬᠡᠷᠡᠭᠴᠡᠭᠡ ᠬᠠᠷᠠᠬᠠᠨ | ᠵᠦᠷᠢᠶ᠎ᠡ ᠲᠠᠢ ᠪᠠᠶᠢᠭᠰᠠᠭᠠᠷ︔ ᠵᠠᠷᠢᠮ ᠭᠤᠣᠯᠳᠠᠯᠭᠠᠲᠣ ᠬᠦᠷᠢᠶ᠎ᠡ ᠴᠠᠷᠠᠭᠠᠨ ᠤ ᠦᠬᠡᠷᠡᠴᠢᠯᠡᠯᠲᠡ ᠪᠠᠰᠠ ᠯᠠ | ᠲᠣᠭᠲᠠᠴᠠ ᠶᠢᠨ ᠲᠠᠪᠬᠤᠷᠭᠠᠨ ᠲᠡᠬᠡᠷ᠎ᠡ ᠵᠣᠭᠰᠣᠩᠭᠤᠶᠢᠷᠠᠵᠣ᠂ ᠨᠡᠩ ᠠᠷᠪᠢᠨ ᠦᠢᠯᠡᠳᠣᠯᠭᠡ ᠶᠢᠨ ᠦᠷ᠎ᠡ ᠪᠦᠲᠦᠭᠡᠯ | ᠬᠠᠷᠠᠬᠠᠨ ᠪᠦᠷᠢᠯᠳᠣᠬᠡᠳᠣᠢ ᠪᠠᠶᠢᠭᠰᠠᠭᠠᠷ︔ ᠠᠮᠢ ᠠᠬᠤᠢ ᠶᠢᠨ ᠪᠠᠶᠢᠭᠤᠯᠣᠯᠲᠠ ᠬᠢᠬᠡᠳ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠡᠬᠦᠷᠭᠡ ᠬᠦᠨᠳᠣ ᠠᠶᠠᠨ ᠬᠤᠯᠠ᠂ ᠠᠮᠢ ᠠᠬᠤᠢ ᠶᠢᠨ ᠪᠣᠯᠪᠠᠰᠣᠨ ᠤ ᠦᠷ᠎ᠡ ᠪᠦᠲᠦᠭᠡᠯ ᠬᠠᠷᠬᠠᠨ | ᠬᠦᠭᠵᠢᠯᠲᠡ ᠶᠢᠨ ᠦᠷ᠎ᠡ ᠠᠰᠢᠭ ᠪᠣᠯᠵᠣ ᠪᠦᠷᠢᠯᠳᠣᠭᠡᠳᠣᠢ ᠪᠠᠶᠢᠭᠰᠠᠭᠠᠷ︔ ᠵᠠᠷᠢᠮ ᠠᠯᠪᠠᠳᠠᠨ ᠤ ᠰᠡᠳᠬᠢᠬᠦᠢ ᠶᠢᠨ | ᠬᠡᠯᠪᠡᠷᠢ᠂ ᠣᠶᠣᠨ ᠰᠠᠨᠠᠭᠠᠨ ᠤ ᠪᠠᠶᠢᠳᠠᠯ᠂ ᠠᠵᠢᠯ ᠤᠨ ᠬᠡᠪ ᠰᠣᠷᠲᠠᠯ ᠬᠠᠷᠠᠬᠠᠨ ᠬᠦᠭᠵᠢᠯᠲᠡ ᠶᠢᠨ ᠠᠶᠢᠵᠢᠮ ᠢ | ᠪᠦᠷᠢᠮᠣᠰᠣᠨ ᠲᠠᠭᠠᠵᠣ ᠲᠡᠶᠢᠯᠬᠦ ᠦᠬᠡᠢ ᠪᠠᠶᠢᠭᠰᠠᠭᠠᠷ᠃ ᠡᠳᠡᠭᠡᠷ ᠠᠰᠠᠭᠤᠳᠠᠯ ᠢ ᠪᠢᠲᠠ ᠲᠠᠷᠠᠭᠠᠴᠢ ᠶᠢᠨ ᠠᠯᠬᠤᠮ ᠤᠨ | ᠠᠵᠢᠯ ᠢᠶᠠᠨ ᠰᠦᠪᠡᠭᠴᠢᠯᠡᠬᠦ ᠪᠠ ᠠᠬᠢᠭᠤᠯᠬᠤ ᠣᠳᠣᠷᠢᠳᠣᠮᠵᠢ ᠪᠣᠯᠭᠠᠨ᠂ ᠬᠠᠨᠳᠣᠯᠭᠠᠲᠣ ᠠᠷᠭ᠎ᠠ ᠪᠠᠷᠢᠯ ᠠᠪᠴᠦ | ᠦᠨᠡᠨ ᠬᠦ ᠰᠢᠢᠳᠪᠣᠷᠢᠯᠡᠵᠣ᠂ ᠳᠠᠷᠬᠠᠨ ᠬᠠᠷᠢᠭᠤᠴᠠᠯᠭ᠎ᠠ ᠪᠠᠨ ᠭᠤᠲᠣᠭᠠᠬᠤ ᠦᠬᠡᠢ᠂ ᠬᠦᠨᠳᠣ ᠨᠠᠶᠢᠳᠠᠯᠭ᠎ᠠ ᠶᠢ | ᠬᠦᠰᠡᠷᠳᠡᠬᠦᠯᠬᠦ ᠦᠬᠡᠢ ᠃ | ᠬᠤᠶᠠᠷ᠂ ᠬᠤᠶᠢᠰᠢᠳᠠ ᠶᠢᠨ ᠲᠠᠪᠣᠨ ᠵᠢᠯ ᠤᠨ ᠠᠵᠢᠯ ᠤᠨ ᠰᠠᠨᠠᠭᠤᠯᠭ᠎ᠠ | ᠲᠦᠯᠦᠭᠡᠯᠡᠭᠴᠢᠳ ᠡ᠂ ᠰᠢᠨ᠎ᠡ ᠴᠠᠭ ᠦᠶ᠎ᠡ ᠰᠢᠨ᠎ᠡ ᠠᠶᠠᠨ ᠢ ᠡᠬᠢᠯᠡᠬᠦᠯᠵᠣ᠂ ᠰᠢᠨ᠎ᠡ ᠴᠠᠭ ᠦᠶ᠎ᠡ | ᠰᠢᠨ᠎ᠡ ᠠᠬᠤᠢ ᠪᠠᠶᠢᠳᠠᠯ ᠢ ᠨᠡᠭᠡᠭᠡᠨ᠂ ᠭᠥᠰᠡᠯ ᠲᠡᠮᠡᠥᠯᠡᠯ ᠭᠥᠴᠥ ᠵᠤᠷᠢᠭ ᠢ ᠬᠥᠪᠴᠢᠯᠡᠨ ᠪᠣᠢ᠃ ᠢᠷᠡᠬᠦ ᠲᠠᠪᠣᠨ ᠵᠢᠯ | ᠪᠣᠯ ᠣᠲᠤᠭ ᠤᠨ ᠡᠮᠣᠨᠡᠳᠣ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠡᠯ᠎ᠠ ᠪᠠᠷ ᠪᠠᠶᠢᠭᠤᠯᠬᠤ ᠰᠢᠢᠳᠪᠣᠷᠢᠲᠣ | ᠬᠤᠭᠤᠴᠠᠭ᠎ᠠ ᠮᠦᠨ᠂ ᠨᠡᠩ ᠴᠣ᠋ ᠪᠢᠳᠠᠨ ᠤ ᠥᠭᠬᠢᠶᠡᠮᠥᠷ ᠨᠠᠶᠢᠷᠠᠮᠳᠠᠭᠤ ᠲᠠᠯ᠎ᠠ ᠨᠤᠳᠤᠭ ᠂ ᠥᠵᠡᠰᠭᠦᠯᠡᠩᠳᠤ | ᠰᠠᠶᠢᠬᠠᠨ ᠡᠮᠥᠨᠡᠳᠥ ᠤᠳᠤᠭ ᠤᠨ ᠴᠣᠭᠴᠠᠯᠠᠯᠲᠠ ᠶᠢᠨ ᠪᠣᠭᠤᠮᠲᠠ ᠰᠢᠪᠳᠣᠯᠬᠤ ᠬᠤᠭᠤᠴᠠᠭ᠎ᠠ ᠪᠣᠯᠣᠨ᠎ᠠ᠃ ᠰᠢᠨ᠎ᠡ | ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ ᠨᠡᠶᠢᠴᠡᠬᠦᠯᠣᠭ᠍ᠰᠡᠨ ᠰᠢᠨ᠎ᠡ ᠡᠭᠡᠯᠵᠢ ᠶᠢᠨ ᠵᠠᠰᠠᠭ ᠤᠨ ᠣᠷᠳᠣᠨ ᠤ ᠠᠵᠢᠯ | ᠤᠨ ᠦᠨᠳᠣᠰᠣᠨ ᠰᠡᠳᠬᠢᠴᠡ ᠪᠣᠯᠣᠨ ᠬᠠᠷᠠᠯᠲᠠ ᠪᠣᠯ᠄ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠣ ᠣᠯᠣᠰ | ᠤᠨ ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠠᠩᠭᠠᠯᠠᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠪᠠᠷ ᠭᠤᠣᠯ ᠰᠢᠵᠢᠮ ᠪᠣᠯᠭᠠᠵᠣ᠂ | ᠬᠡᠯᠪᠡᠷᠢ ᠶᠢ ᠬᠤᠪᠢᠷᠠᠭᠤᠯᠣᠨ ᠲᠡᠰ ᠲᠠᠪᠰᠢᠭᠤᠯᠬᠤ ᠶᠢ ᠲᠣᠪᠣᠶᠢᠯᠭᠠᠨ᠂ ᠬᠦᠭᠵᠢᠯᠲᠡ ᠶᠢᠨ ᠴᠢᠨᠠᠷ ᠦᠷ᠎ᠡ ᠠᠰᠢᠭ ᠢ | ᠬᠦᠴᠦᠯᠡᠨ ᠲᠡᠭᠡᠭᠰᠢᠯᠡᠬᠦᠯᠣᠨᠡ︔ ᠰᠢᠨᠡᠴᠢᠯᠡᠯᠲᠡ ᠶᠢᠨ ᠬᠦᠳᠡᠯᠭᠡᠭᠴᠢ ᠬᠦᠴᠦᠨ ᠢ ᠲᠣᠪᠣᠶᠢᠯᠭᠠᠨ᠂ ᠪᠦᠬᠦ ᠨᠡᠶᠢᠭᠡᠮ | ᠤᠨ ᠠᠮᠢᠵᠢᠷᠠᠯ ᠤᠨ ᠬᠦᠴᠦᠨ ᠢ ᠬᠦᠴᠦᠯᠡᠨ ᠣᠷᠮᠠᠰᠢᠭᠤᠯᠣᠨ᠎ᠠ︔ ᠲᠦᠷᠦᠯ ᠵᠦᠢᠯ ᠢᠶᠠᠷ ᠲᠠᠶᠢᠴᠢᠯᠠᠬᠤ ᠶᠢ | ᠲᠣᠪᠣᠶᠢᠯᠭᠠᠨ᠂ ᠪᠣᠳᠠᠲᠣ ᠴᠣᠭᠴᠠ ᠶᠢᠨ ᠠᠵᠤ ᠠᠬᠤᠢ ᠶᠢ ᠬᠦᠴᠦᠯᠡᠨ ᠪᠣᠶᠢᠵᠢᠭᠤᠯᠵᠣ ᠪᠣᠵᠠᠭᠠᠶᠢᠷᠠᠭᠤᠯᠣᠨ᠎ᠠ︔ ᠠᠮᠢ | ᠠᠬᠤᠢ ᠶᠢ ᠲᠡᠷᠢᠬᠦᠨ ᠪᠠᠶᠢᠷᠠᠨ ᠳᠤ ᠲᠣᠪᠣᠶᠢᠯᠭᠠᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ | ᠲᠦᠪᠰᠢᠨ ᠢ ᠬᠦᠴᠦᠯᠡᠨ ᠲᠡᠭᠡᠭᠰᠢᠯᠡᠬᠦᠯᠣᠨᠡ︔ ᠠᠷᠠᠳ ᠤᠨ ᠠᠮᠢᠳᠣᠷᠠᠯ ᠢᠶᠠᠷ ᠦᠨᠳᠣᠰᠣ ᠪᠣᠯᠭᠠᠬᠤ ᠶᠢ | ᠲᠣᠪᠣᠶᠢᠯᠭᠠᠨ᠂ ᠣᠯᠠᠨ ᠲᠦᠮᠡᠨ ᠤ ᠬᠦᠷᠲᠡᠮᠵᠢ᠂ ᠵᠣᠯ ᠵᠢᠷᠭᠠᠯ᠂ ᠠᠮᠣᠷ ᠲᠦᠪᠰᠢᠨ ᠤ ᠬᠠᠨᠣᠮᠵᠢ ᠶᠢ ᠬᠦᠴᠦᠯᠡᠨ | ᠲᠡᠭᠡᠭᠰᠢᠯᠡᠬᠦᠯᠵᠣ᠂ ᠨᠡᠩ ᠠᠭᠤᠯᠬᠤᠨ ᠲᠠᠢ᠂ ᠨᠡᠩ ᠴᠢᠨᠠᠷᠵᠢᠯ ᠲᠠᠢ᠂ ᠨᠡᠩ ᠠᠮᠢᠵᠢᠷᠠᠯ ᠲᠠᠢ᠂ ᠨᠡᠩ ᠣᠳᠬ᠎ᠠ | ᠠᠭᠤᠯᠭ᠎ᠠ ᠲᠠᠢ᠂ ᠨᠡᠩ ᠦᠨᠡᠨ ᠪᠣᠳᠠᠲᠠᠢ ᠬᠦᠭᠵᠢᠯᠲᠡ ᠶᠢ ᠪᠡᠶᠡᠯᠡᠬᠦᠯᠣᠨ᠂ ᠡᠩ ᠲᠡᠷᠢᠬᠦᠨ ᠳᠤ ᠴᠢᠨᠡᠭᠡᠯᠢᠭ ᠨᠡᠶᠢᠭᠡᠮ | ᠢ ᠪᠦᠬᠦ ᠲᠡᠯ᠎ᠠ ᠪᠠᠷ ᠪᠠᠶᠢᠭᠤᠯᠵᠣ᠂ ᠭᠤᠣᠯ ᠵᠢᠭᠠᠯᠲᠠ ᠶᠢᠨ ᠬᠦᠮᠦᠨ ᠲᠣᠮᠳᠠᠴᠢ ᠦᠷᠲᠡᠭ ᠪᠣᠯᠣᠨ ᠭᠤᠣᠯᠳᠠᠯᠭᠠᠲᠣ | ᠠᠵᠢᠯ ᠢ ᠪᠦᠬᠦ ᠣᠯᠣᠰ ᠤᠨ ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | —— ᠠᠵᠤ ᠠᠬᠤᠢ ᠶᠢᠨ ᠬᠦᠭᠵᠢᠯᠲᠡ ᠶᠢ ︽ᠬᠡᠪᠴᠢᠶᠡᠵᠢᠯ ᠬᠤᠷᠳᠣᠴᠠ ᠶᠢ ᠴᠢᠬᠤᠯᠠᠴᠢᠯᠠᠬᠤ︾ ᠠᠴᠠ ︽ᠴᠢᠨᠠᠷ | ᠦᠷ᠎ᠡ ᠠᠰᠢᠭ ᠢ ᠴᠢᠬᠤᠯᠠᠴᠢᠯᠠᠬᠤ︾ ᠬᠡᠯᠪᠡᠷᠢ ᠲᠡᠰᠢ ᠬᠤᠪᠢᠷᠠᠭᠤᠯᠵᠣ᠂ ᠨᠡᠩ ᠠᠭᠤᠯᠬᠤᠨ ᠲᠠᠢ ᠬᠦᠭᠵᠢᠯᠲᠡ ᠶᠢ | ᠪᠡᠶᠡᠯᠡᠬᠦᠯᠣᠨ᠎ᠡ᠃ ᠬᠠᠳᠠᠭᠠᠯᠠᠯᠲᠠ ᠡᠬᠢ ᠰᠣᠷᠪᠣᠯᠵᠢ ᠶᠢᠨ ᠲᠤᠬᠢᠷᠠᠭᠤᠯᠣᠯᠲᠠ ᠶᠢ ᠤᠯᠠᠮ ᠰᠢᠯᠢᠳᠡᠭᠵᠢᠬᠦᠯᠣᠨ᠂ | ᠴᠢᠨᠠᠷᠯᠢᠭ ᠨᠡᠮᠡᠭᠳᠡᠯ ᠲᠠᠢ ᠬᠠᠩᠭᠠᠯᠠᠭ᠎ᠠ ᠶᠢ ᠲᠠᠰᠣᠷᠠᠯᠲᠠ ᠦᠬᠡᠢ ᠦᠷᠭᠡᠳᠭᠡᠵᠣ᠂ ᠪᠦᠬᠦ ᠬᠦᠴᠦᠨ ᠵᠦᠢᠯ ᠤᠨ | ᠦᠢᠯᠡᠳᠪᠣᠷᠢᠯᠡᠯ ᠨᠣᠷᠮ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠣᠨ᠂ ᠬᠦᠭᠵᠢᠯᠲᠡ ᠶᠢ ᠨᠡᠩ ᠬᠦᠢᠴᠡᠳ ᠪᠣᠯᠭᠠᠵᠣ᠂ | ᠪᠦᠬᠦ ᠬᠤᠰᠢᠭᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ᠂ ᠨᠠᠶᠢᠳᠠ ᠶᠢᠨ ᠡᠳ᠋ ᠤᠨ ᠵᠠᠰᠠᠭ | ᠤᠨ ᠲᠦᠰᠤᠪ ᠤᠨ ᠤᠷᠤᠯᠭ᠎ᠠ ᠶᠢ 2017 ᠣᠨ ᠤ ᠬᠤᠶᠠᠷ ᠲᠠᠬᠢᠨ ᠳᠤ ᠬᠦᠷᠭᠡᠨ᠂ ᠲᠤᠭᠳᠠᠮᠠᠯ ᠭᠥᠷᠥᠩᠭᠡ ᠶᠢᠨ | ᠪᠡᠯᠡ ᠤᠷᠤᠭᠤᠯᠤᠯᠳᠠ ᠶᠢ 1000 ᠳ᠋ᠦᠩᠰᠢᠭᠤᠷ ᠲᠦᠬᠦᠷᠢᠭ ᠨᠡᠮᠡᠭᠳᠡᠬᠦᠯᠵᠣ᠂ ᠠᠵᠣ ᠠᠬᠤᠢ ᠶᠢᠨ ᠭᠤᠣᠯ ᠵᠢᠭᠠᠯᠲᠠ | ᠶᠢᠨ ᠲᠣᠮᠳᠠᠴᠢ ᠦᠷᠲᠡᠭ ᠢ ᠪᠦᠬᠦ ᠣᠯᠣᠰ ᠤᠨ ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | —— ᠬᠤᠲᠠ ᠬᠦᠳᠡᠭᠡ ᠶᠢᠨ ᠪᠠᠶᠢᠭᠤᠯᠣᠯᠲᠠ ᠶᠢ ︽ᠰᠠᠭᠤᠷᠢ ᠲᠦᠬᠦᠭᠡᠷᠣᠮᠵᠢ ᠶᠢᠨ ᠲᠦᠭᠡᠮᠡᠯᠵᠢᠯᠲᠡ︾ ᠠᠴᠠ ︽ | ᠦᠢᠯᠡᠴᠢᠯᠡᠭᠡ ᠶᠢ ᠨᠢᠬᠡ ᠴᠣᠭᠴᠠᠵᠢᠭᠤᠯᠬᠤ︾ ᠬᠡᠯᠪᠡᠷᠢ ᠲᠡᠰᠢ ᠬᠤᠪᠢᠷᠠᠭᠤᠯᠵᠣ᠂ ᠨᠡᠩ ᠴᠢᠨᠠᠷᠵᠢᠯ ᠲᠠᠢ ᠬᠦᠭᠵᠢᠯᠲᠡ | ᠶᠢ ᠪᠡᠶᠡᠯᠡᠬᠦᠯᠣᠨ᠎ᠡ᠃ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠦᠭᠵᠢᠬᠦᠯᠣᠨ ᠬᠦᠴᠦᠷᠭᠡᠭᠵᠢᠬᠦᠯᠵᠣ᠂ ᠬᠤᠲᠠ | ᠬᠦᠳᠡᠭᠡ ᠶᠢᠨ ᠬᠦᠭᠵᠢᠬᠦᠯᠣᠯᠲᠡ ᠶᠢᠨ ᠪᠠᠶᠢᠭᠤᠯᠣᠮᠵᠢ ᠲᠣᠭᠲᠠᠴᠠ ᠶᠢ ᠬᠠᠮᠳᠣᠳᠬᠠᠨ ᠠᠬᠢᠭᠤᠯᠵᠣ᠂ | ᠲᠦᠯᠦᠪᠵᠢᠬᠦᠯᠭᠡ ᠪᠠᠶᠢᠷᠢᠰᠢᠭᠤᠯᠣᠯᠲᠠ᠂ ᠵᠠᠮ ᠬᠠᠷᠢᠯᠴᠠᠭᠠᠨ ᠤ ᠲᠣᠣᠷ᠂ ᠰᠠᠭᠤᠷᠢ ᠲᠦᠬᠦᠷᠵᠢᠬᠦᠯᠣᠯᠲᠡ᠂ ᠬᠤᠲᠠ | ᠪᠠᠯᠭᠠᠰᠣᠨ ᠤ ᠵᠠᠰᠠᠯᠲᠠ᠂ ᠨᠡᠶᠢᠲᠡ ᠶᠢᠨ ᠦᠢᠯᠡᠴᠢᠯᠡᠭᠡ ᠶᠢ ᠦᠨᠳᠣᠷ ᠪᠦᠲᠦᠮᠵᠢᠲᠠᠢ ᠠᠪᠴᠠᠯᠳᠣᠭᠤᠯᠣᠨ᠂ ᠬᠦᠴᠦᠨ | ᠵᠦᠢᠯ ᠤᠨ ᠲᠣᠬᠢᠷᠠᠭᠤᠯᠣᠯᠲᠠ ᠶᠢ ᠨᠡᠩ ᠲᠡᠩᠴᠡᠬᠦᠷᠢᠲᠠᠢ ᠵᠣᠬᠢᠰᠲᠠᠢ ᠪᠣᠯᠭᠠᠵᠣ᠂ ᠨᠡᠶᠢᠲᠡ ᠶᠢᠨ ᠦᠢᠯᠡᠴᠢᠯᠡᠭᠡ ᠶᠢ | ᠨᠡᠩ ᠲᠡᠩᠴᠡᠬᠦᠷᠢᠲᠠᠢ ᠴᠣᠭᠴᠠᠵᠢᠭᠤᠯᠣᠨ᠂ ᠬᠤᠲᠠ ᠬᠦᠳᠡᠭᠡ ᠶᠢᠨ ᠣᠷᠣᠰᠢᠨ ᠰᠠᠭᠤᠬᠤ ᠣᠷᠴᠢᠨ ᠢ ᠪᠦᠬᠦ ᠣᠯᠣᠰ | ᠤᠨ ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | —— ᠦᠬᠡᠷᠡᠴᠢᠯᠡᠯᠲᠡ ᠶᠢᠨ ᠬᠦᠨᠵᠡᠬᠡᠶᠢᠷᠡᠬᠦᠯᠣᠯᠲᠡ ᠶᠢ ︽ᠲᠣᠭᠲᠠᠴᠠ ᠪᠠᠷ ᠠᠬᠢᠭᠤᠯᠬᠤ︾ ᠠᠴᠠ ︽ | ᠦᠢᠯᠡᠳᠣᠯᠭᠡ ᠪᠠᠷ ᠠᠷᠠᠳ ᠢ ᠬᠠᠷᠠᠭᠠᠯᠵᠠᠬᠤ︾ ᠬᠡᠯᠪᠡᠷᠢ ᠲᠡᠰᠢ ᠬᠤᠪᠢᠷᠠᠭᠤᠯᠵᠣ᠂ ᠨᠡᠩ ᠠᠮᠢᠵᠢᠷᠠᠯ ᠲᠠᠢ ᠬᠦᠭᠵᠢᠯᠲᠡ | ᠶᠢ ᠪᠡᠶᠡᠯᠡᠬᠦᠯᠣᠨ᠎ᠡ᠃ ᠦᠭᠡᠷᠡᠴᠢᠯᠡᠯᠲᠡ ᠶᠢ ᠲᠠᠰᠣᠷᠠᠯᠲᠠ ᠦᠬᠡᠢ ᠬᠦᠨᠵᠡᠬᠡᠢ ᠠᠬᠢᠭᠤᠯᠵᠣ᠂ ᠲᠣᠭᠲᠠᠴᠠ ᠶᠢᠨ | ᠰᠢᠨᠡᠴᠢᠯᠡᠯ ᠬᠢᠬᠡᠳᠦᠢᠯᠡᠳᠣᠯᠭᠡ ᠶᠢᠨ ᠰᠢᠨᠡᠴᠢᠯᠡᠯ ᠤᠨ ᠠᠮᠵᠢᠯᠲᠠ ᠶᠢ ᠡᠬᠦᠳᠴᠦ᠂ ᠪᠦᠬᠦ ᠨᠡᠶᠢᠭᠡᠮ ᠤᠨ ᠬᠢᠨ ᠳᠤ | ᠦᠭᠡᠷᠡᠴᠢᠯᠡᠯᠲᠡ ᠶᠢᠨ ᠰᠢᠨ᠎ᠡ ᠠᠰᠢᠭ ᠢ ᠬᠠᠮᠳᠣ ᠡᠳ᠋ᠯᠡᠬᠦᠯᠣᠨ᠂ ᠰᠠᠭᠤᠭᠠᠯᠢ ᠠᠷᠠᠳ ᠤᠨ ᠬᠦᠷᠣᠩᠬᠡ ᠬᠤᠭᠰᠢᠯ ᠤᠨ | ᠴᠢᠨᠠᠷᠲᠠᠢ ᠣᠷᠣᠯᠭ᠎ᠠ ᠶᠢ ᠶᠡᠭᠡᠪᠡᠷ ᠨᠡᠮᠡᠭᠳᠡᠬᠦᠯᠵᠣ᠂ ᠲᠣᠮᠳᠠ ᠵᠡᠷᠭᠡ ᠶᠢᠨ ᠣᠷᠣᠯᠭᠠᠲᠠᠳ ᠢ ᠦᠷᠭᠡᠳᠭᠡᠨ᠂ ᠠᠷᠠᠳ | ᠣᠯᠠᠠ ᠤ ᠬᠦᠷᠲᠡᠮᠵᠢ ᠶᠢ ᠡᠳᠣᠷ ᠢᠷᠡᠬᠦᠶᠡᠨᠡᠮᠡᠭᠳᠡᠬᠦᠯᠵᠣ᠂ ᠦᠭᠡᠷᠡᠴᠢᠯᠡᠯᠲᠡ ᠰᠢᠨᠡᠴᠢᠯᠡᠯᠲᠡ ᠶᠢᠨ ᠠᠵᠢᠯ ᠢ ᠪᠦᠬᠦ | ᠣᠯᠣᠰ ᠤᠨ ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | ——ᠠᠮᠢ ᠠᠬᠤᠢ ᠶᠢᠨ ᠬᠠᠮᠠᠭᠠᠯᠠᠯᠲᠠ ᠶᠢ ︽ᠦᠵᠡᠮᠵᠢ ᠪᠠᠶᠢᠳᠠᠯ ᠤᠨ ᠰᠠᠶᠢᠵᠢᠷᠠᠯᠲᠠ︾ ᠠᠴᠠ ︽ ᠦᠷᠲᠡᠭᠲᠣ | ᠠᠰᠢᠭᠯᠠᠯᠲᠠ︾ ᠶᠢᠨ ᠬᠡᠯᠪᠡᠷᠢ ᠲᠡᠰᠢ ᠬᠤᠪᠢᠷᠠᠭᠤᠯᠵᠣ᠂ ᠨᠡᠩ ᠣᠳᠬ᠎ᠠ ᠠᠭᠤᠯᠭ᠎ᠠ ᠲᠠᠢ ᠬᠦᠭᠵᠢᠯᠲᠡ ᠶᠢ | ᠪᠡᠶᠡᠯᠡᠬᠦᠯᠣᠨ᠎ᠡ᠃ ᠡᠨᠧᠷᠬᠢ ᠠᠷᠪᠢᠯᠠᠨ ᠬᠤᠷᠣᠭᠳᠠᠯ ᠪᠣᠬᠢᠷᠳᠣᠯ ᠢ ᠪᠠᠭᠠᠰᠬᠠᠬᠤ ᠪᠠᠷ ᠬᠠᠮᠤᠭ ᠦᠨᠳᠣᠰᠣᠨ | ᠦᠢᠯᠡᠳᠪᠣᠷᠢᠯᠡᠯ ᠤᠨ ᠪᠠᠷᠢᠮᠵᠢᠶ᠎ᠠ ᠪᠣᠯᠭᠠᠵᠣ᠂ ᠣᠷᠴᠢᠨ ᠬᠠᠮᠠᠭᠠᠯᠠᠬᠤ ᠬᠤᠷᠣᠭᠳᠠᠯ ᠪᠠᠭᠠᠲᠠᠢ ᠬᠡᠷᠡᠭᠯᠡᠭᠡ ᠶᠢ ᠪᠦᠬᠦ | ᠠᠷᠠᠳ ᠤᠨ ᠣᠬᠠᠮᠰᠠᠷᠲᠣ ᠠᠵᠢᠯᠯᠠᠭ᠎ᠠ ᠪᠣᠯᠭᠠᠨ᠂ ︽ᠥᠵᠡᠰᠭᠦᠯᠡᠩᠳᠤ ᠰᠠᠶᠢᠬᠠᠨ ᠡᠮᠥᠨᠡᠳᠥ ᠤᠳᠤᠭ ︾ ᠢ | ᠬᠦᠭᠵᠢᠯᠲᠡ ᠶᠢᠨ ᠨᠡᠷᠡᠲᠣ ᠲᠡᠮᠳᠡᠭ ᠪᠣᠯᠣᠨ ᠠᠵᠤ ᠦᠢᠯᠡᠰ ᠪᠣᠯᠭᠠᠵᠣ᠂ ᠣᠬᠢ ᠰᠠᠶᠢᠨ ᠠᠮᠢ ᠠᠬᠤᠢ ᠶᠢᠨ ᠣᠷᠴᠢᠨ ᠢ | ᠬᠠᠮᠤᠭ ᠭᠤᠣᠯᠴᠢ ᠨᠡᠶᠢᠲᠡ ᠶᠢᠨ ᠪᠦᠲᠦᠭᠡᠭᠳᠡᠬᠦᠨ᠂ ᠬᠠᠮᠤᠭ ᠲᠦᠬᠡᠮᠡᠯ ᠠᠷᠠᠳ ᠤᠨ ᠠᠮᠢᠳᠣᠷᠠᠯ ᠤᠨ ᠠᠰᠢᠭ ᠵᠢᠷᠭᠠᠯ | ᠪᠣᠯᠭᠠᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠲᠦᠪᠰᠢᠨ ᠢ ᠪᠦᠬᠦ ᠣᠯᠣᠰ ᠤᠨ ᠲᠡᠷᠢᠬᠦᠨ ᠤ | ᠡᠩᠨᠡᠭᠡᠨ ᠳᠤ ᠣᠷᠣᠭᠤᠯᠣᠨ᠎ᠠ᠃ | —— ᠨᠡᠶᠢᠬᠡᠮ ᠤᠨ ᠦᠢᠯᠡᠰ ᠢ ︽ᠦᠨᠳᠣᠰᠣᠨ ᠪᠠᠳᠣᠯᠠᠭ᠎ᠠ︾ ᠠᠴᠠ ︽ ᠣᠯᠠᠨ ᠡᠰᠢᠲᠣ ᠬᠠᠮᠲᠣ ᠡᠳ᠋ᠯᠡᠬᠦ︾ | ᠬᠡᠯᠪᠡᠷᠢ ᠲᠡᠰᠢ ᠬᠤᠪᠢᠷᠠᠭᠤᠯᠵᠣ᠂ ᠨᠡᠩ ᠦᠨᠡᠨ ᠪᠣᠳᠠᠲᠠᠢ ᠬᠦᠭᠵᠢᠯᠲᠡ ᠶᠢ ᠪᠡᠶᠡᠯᠡᠬᠦᠯᠣᠨ᠎ᠡ᠃ ᠦᠭᠡᠷᠡᠴᠢᠯᠡᠯᠲᠡ | ᠬᠦᠭᠵᠢᠯᠲᠡ ᠶᠢᠨ ᠦᠷ᠎ᠡ ᠪᠦᠲᠦᠭᠡᠯ ᠢ ᠨᠡᠩ ᠢᠯᠡᠬᠦᠣ᠂ ᠨᠡᠩ ᠰᠠᠶᠢᠨ᠂ ᠨᠡᠩ ᠲᠡᠭᠰᠢ ᠪᠠᠷ ᠣᠯᠠᠨ ᠲᠦᠮᠡᠨ ᠳᠤ | ᠡᠳ᠋ᠯᠡᠬᠦᠯᠵᠣ᠂ ᠠᠷᠠᠳ ᠲᠦᠮᠡᠨ ᠤ ᠨᠠᠰᠣᠨ ᠲᠣᠷᠰᠢᠲᠠ ᠶᠢᠨ ᠴᠢᠬᠤᠯᠠ ᠭᠤᠭᠴᠣᠭᠠᠨ ᠤ ᠦᠨᠳᠣᠷ ᠪᠠᠷᠢᠮᠵᠢᠶᠠᠲᠣ᠂ | ᠨᠠᠷᠢᠯᠢᠭ ᠦᠢᠯᠡᠴᠢᠯᠡᠭᠡ ᠶᠢ ᠪᠦᠷᠢᠨᠰᠢᠬᠦᠯᠵᠣ᠂ ᠠᠷᠠᠳ ᠣᠯᠠᠨ ᠳᠤ ᠦᠯᠡᠮᠵᠢ ᠬᠡᠰᠢᠭ ᠬᠦᠷᠲᠡᠭᠡᠨ᠂ ᠲᠦᠮᠡᠨ ᠣᠯᠠᠨ | ᠤ ᠬᠦᠷᠲᠡᠮᠵᠢ᠂ ᠵᠣᠯ ᠵᠢᠷᠭᠠᠯ᠂ ᠠᠮᠣᠷ ᠲᠦᠪᠰᠢᠨ ᠤ ᠬᠠᠨᠣᠮᠵᠢ ᠶᠢ ᠪᠦᠬᠦ ᠣᠯᠣᠰ ᠤᠨ ᠲᠡᠷᠢᠬᠦᠨ ᠤ ᠡᠩᠨᠡᠭᠡᠨ ᠳᠤ | ᠣᠷᠣᠭᠤᠯᠣᠨ᠎ᠠ᠃ | ᠲᠦᠯᠦᠬᠡᠯᠡᠭᠴᠢᠳ ᠡ᠂ ᠦᠢᠯᠡᠰ ᠵᠢᠳᠬᠦᠯ ᠲᠡᠬᠦᠰᠭᠡᠯ ᠦᠬᠡᠢ ᠭᠡᠳᠡᠭᠴᠢᠯᠡᠨ᠂ ᠲᠡᠷᠢᠬᠦᠨ ᠤ ᠡᠩᠨᠡᠭᠡᠨ ᠳᠤ ᠣᠷᠣᠬᠤ | ᠵᠣᠷᠢᠯᠲᠠ ᠶᠢ ᠪᠣᠯ ᠪᠢᠲᠠ ᠬᠤᠰᠢᠭᠤ ᠶᠢᠰᠣᠳᠣᠭᠡᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠤᠨ | ᠵᠣᠷᠢᠭ ᠰᠠᠨᠠᠭ᠎ᠠ ᠶᠢ ᠨᠡᠶᠢᠳᠠᠪᠣᠷᠢᠵᠢᠭᠤᠯᠣᠨ᠂ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ | ᠠᠬᠤᠢ ᠵᠣᠬᠢᠴᠠᠯᠲᠠᠢ᠂ ᠡᠮᠬᠢ ᠵᠢᠷᠣᠮ ᠰᠠᠶᠢᠨ᠂ ᠬᠡᠪ ᠰᠣᠷᠲᠠᠯ ᠲᠦᠪᠥᠵᠡᠰᠭᠦᠯᠡᠩᠳᠤ ᠰᠠᠶᠢᠬᠠᠨ ᠡᠮᠥᠨᠡᠳᠥ ᠤᠳᠤᠭ ᠢ | ᠴᠣᠭᠴᠠᠯᠠᠬᠤ ᠶᠠᠪᠣᠴᠠ ᠳᠤ᠂ ᠢᠷᠡᠭᠡᠳᠣᠢ ᠶᠢᠨ ᠬᠦᠭᠵᠢᠯᠲᠡ ᠶᠢᠨ ᠠᠯᠣᠰ ᠤᠨ ᠬᠠᠷᠠᠴᠠ ᠪᠠᠷ ᠲᠦᠰᠦᠪᠯᠡᠭᠰᠡᠨ ᠶᠣᠮ᠂ | ᠮᠦᠨᠴᠣ ᠪᠢᠳᠠ ᠰᠢᠨ᠎ᠡ ᠴᠠᠭ ᠦᠶ᠎ᠡ ᠳᠤ ᠣᠷᠣᠵᠣ᠂ ᠲᠡᠣᠭᠡ ᠶᠢᠨ ᠰᠢᠨ᠎ᠡ ᠣᠷᠣᠨ ᠪᠠᠶᠢᠷᠢ ᠪᠠᠨ ᠬᠠᠶᠢᠵᠣ ᠪᠠᠶᠢᠭ᠎ᠠ | ᠰᠢᠨ᠎ᠡ ᠣᠷᠣᠭᠰᠢᠯᠠᠯᠲᠠ ᠪᠣᠯᠬᠤ ᠶᠣᠮ᠃ ᠪᠢᠳᠠᠨ ᠤ ᠡᠨᠡ ᠬᠦ ᠬᠠᠷᠠᠯᠲᠠ ᠪᠠᠨ ᠪᠡᠶᠡᠯᠡᠬᠦᠯᠬᠦ ᠪᠠᠲᠣ ᠢᠳᠡᠭᠡᠯ | ᠲᠡᠬᠦᠯᠳᠡᠷ ᠵᠣᠷᠢᠭ ᠨᠢ ᠣᠯᠠᠨ ᠵᠢᠯ ᠤᠯᠠᠮᠵᠢᠯᠠᠨ ᠦᠷᠬᠦᠯᠵᠢᠯᠡᠬᠦᠯᠣᠭ᠍ᠰᠡᠨ ᠲᠡᠮᠡᠴᠡᠯ ᠤᠨ ᠬᠤᠷᠠᠮᠳᠣᠯ ᠰᠠᠭᠤᠷᠢ ᠠᠴᠠ | ᠢᠷᠡᠯ ᠲᠠᠢ᠂ ᠣᠷᠲᠣ ᠬᠤᠭᠤᠴᠠᠭᠠᠨ ᠤ ᠴᠣᠴᠠᠰᠢ ᠦᠬᠡᠢ ᠴᠢᠷᠮᠠᠶᠢᠯᠭ᠎ᠠ ᠶᠢᠨ ᠬᠤᠷᠠᠮᠳᠣᠯ ᠬᠦᠴᠦᠨ ᠠᠴᠠ ᠢᠷᠡᠯ ᠲᠠᠢ | ᠂ ᠪᠦᠬᠦ ᠬᠤᠰᠢᠭᠤᠨ ᠤ ᠣᠷᠣᠭᠰᠢᠯᠡᠨ ᠲᠠᠪᠰᠢᠬᠤ ᠬᠤᠷᠠᠮᠳᠣᠯ ᠡᠷᠴᠢ ᠠᠴᠠ ᠢᠷᠡᠯ ᠲᠠᠢ ᠶᠣᠮ᠃ ᠪᠢᠳᠠ ᠡᠳᠣᠬᠡ ᠶᠠᠭ | ᠬᠦᠭᠵᠢᠯᠲᠡ ᠶᠢᠨ ᠪᠠᠶᠢᠳᠠᠯ ᠬᠠᠨᠳᠣᠰᠢ ᠶᠢᠨ ᠦᠭᠰᠦᠯᠲᠡ ᠶᠢᠨ ᠬᠤᠭᠤᠴᠠᠭᠠᠨ ᠳᠤ ᠣᠷᠣᠰᠢᠵᠣ ᠪᠠᠶᠢᠬᠤ ᠪᠠᠨ ᠵᠠᠪᠠᠯ | ᠣᠯᠵᠣ ᠬᠠᠷᠠᠬᠤ ᠬᠡᠷᠡᠭᠲᠡᠢ᠃ ᠡᠨᠡ ᠬᠡᠳᠥᠨ ᠵᠢᠯ ᠳᠤ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ | ᠠᠯᠬᠤᠮ ᠠᠯᠬᠤᠮ ᠢᠶᠠᠷ ᠬᠤᠷᠳᠣᠴᠠ ᠲᠣᠬᠢᠷᠠᠮᠵᠢᠲᠠᠢ᠂ ᠪᠦᠲᠦᠴᠡ ᠰᠢᠯᠢᠳᠡᠭᠵᠢᠯ ᠲᠠᠢ᠂ ᠨᠡᠮᠡᠭᠳᠡᠯ ᠡᠮᠬᠢ ᠲᠠᠢ᠂ | ᠬᠠᠨᠳᠣᠰᠢ ᠬᠦᠴᠦᠷᠬᠡᠭᠵᠢᠯ ᠲᠠᠢ ᠲᠠᠪᠬᠤᠷᠭ᠎ᠠ ᠳᠤ ᠣᠷᠣᠵᠣ᠂ ᠠᠵᠣ ᠦᠢᠯᠡᠰ ᠤᠨ ᠣᠯᠠᠩᠬᠢ ᠨᠢ ᠲᠦᠷᠬᠡᠨ | ᠪᠣᠶᠢᠵᠢᠯᠲᠡ ᠶᠢᠨ ᠱᠠᠳᠣᠨ ᠳᠤ ᠣᠷᠣᠵᠣ᠂ ᠶᠡᠬᠡᠩᠬᠢ ᠦᠢᠯᠡᠳᠪᠣᠷᠢᠯᠡᠯ ᠤᠨ ᠴᠢᠳᠠᠪᠣᠷᠢ ᠴᠢᠩᠭᠠᠷᠠᠵᠣ᠂ ᠬᠦᠭᠵᠢᠯᠲᠡ | ᠶᠢᠨ ᠰᠢᠨ᠎ᠡ ᠲᠡᠯᠡᠬᠦ ᠬᠦᠴᠦᠨ ᠲᠣᠪᠣᠶᠢᠵᠣ᠂ ᠠᠵᠣ ᠠᠬᠤᠢ ᠶᠢᠨ ᠦᠪᠡᠷ ᠤᠨ ᠨᠡᠮᠡᠭᠳᠡᠯ ᠤᠨ ᠨᠦᠬᠡᠴᠡ ᠬᠦᠴᠦᠨ | ᠯᠣᠳᠣ ᠶᠡᠭᠡ ᠨᠡᠮᠡᠭᠳᠡᠭᠰᠡᠨ ᠪᠠᠶᠢᠨ᠎ᠠ᠃ ᠪᠢᠳᠠᠨ ᠳᠤ ᠰᠢᠨ᠎ᠡ ᠴᠠᠭ ᠦᠶ᠎ᠡ ᠶᠢᠨ ᠰᠢᠨ᠎ᠡ ᠠᠵᠠ ᠲᠣᠬᠢᠶᠠᠯ ᠲᠣᠯᠭᠠᠷᠠᠵᠣ | ᠪᠠᠶᠢᠬᠤ ᠶᠢ ᠵᠠᠪᠠᠯ ᠣᠯᠵᠣ ᠬᠠᠷᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠬᠤᠷᠠᠯ ᠬᠦᠳᠡᠭᠡ ᠨᠤᠳᠤᠭ ᠢ | ᠬᠦᠭᠵᠢᠭᠦᠯᠦᠨ ᠬᠦᠴᠦᠷᠭᠡᠭᠵᠢᠭᠦᠯᠬᠦ ᠶᠢ ᠣᠯᠣᠰ ᠤᠨ ᠪᠠᠶᠢᠯᠳᠣᠬᠤ ᠪᠣᠳᠣᠯᠭ᠎ᠠ ᠶᠢᠨ ᠲᠦᠪᠰᠢᠨ ᠠᠴᠠ ᠭᠠᠷᠭᠠᠭᠰᠠᠨ ᠢ | ᠦᠵᠡᠬᠦ ᠳᠤ᠂ ᠬᠤᠶᠢᠰᠢᠳᠠ ᠨᠡᠩ ᠠᠷᠪᠢᠨ ᠪᠡᠯᠡ ᠮᠦᠩᠭᠦ᠂ ᠲᠦᠷᠦ ᠶᠢᠨ ᠪᠣᠳᠣᠯᠭ᠎ᠠ ᠵᠡᠷᠬᠡ ᠬᠦᠴᠦᠨ ᠵᠣᠶᠢᠯ ᠢ | ᠮᠠᠯᠵᠢᠬᠤ ᠲᠠᠷᠢᠶᠠᠯᠠᠬᠤ ᠣᠷᠣᠨ ᠲᠡᠰᠢ ᠬᠡᠯᠪᠡᠶᠢᠯᠭᠡᠵᠣ᠂ ᠬᠦᠳᠡᠭᠡ ᠲᠣᠰᠬᠤᠨ ᠢ ᠠᠵᠣ ᠣᠶᠢᠯᠠᠰ ᠤᠨ ᠬᠡᠯᠪᠡᠷᠢ ᠶᠢ | ᠬᠤᠪᠢᠷᠠᠭᠤᠯᠬᠤ ᠬᠦᠭᠵᠢᠯᠳᠡ ᠶᠢᠨ ᠭᠤᠣᠯ ᠹᠷᠣᠨᠲ ᠪᠣᠯᠭᠠᠬᠤ ᠨᠢ ᠯᠠᠪᠳᠠᠢ᠃ ᠪᠢᠳᠡ ᠤ ᠡᠬᠦᠳᠦᠨ ᠬᠡᠷᠡᠭᠵᠢᠭᠦᠯᠦᠭᠰᠡᠨ | ︽ᠲᠡᠰ ᠴᠢᠨᠠᠷᠳᠦ ᠮᠠᠯ ᠲᠠᠷᠢᠶᠠᠯᠠᠩ᠂ ᠬᠡᠪ ᠴᠢᠨᠰᠠᠭᠠᠳᠦ ᠮᠠᠯᠵᠢᠬᠤ ᠲᠠᠷᠢᠶᠠᠯᠠᠬᠤ ᠣᠷᠣᠨ᠂ ᠪᠤᠯᠪᠠᠰᠤᠷᠠᠯ ᠰᠠᠶᠢᠳᠠᠢ | ᠮᠠᠯᠴᠢᠨ ᠲᠠᠷᠢᠶᠠᠴᠢᠨ︾ ᠤ ᠢᠨᠵᠧᠨᠧᠷᠢᠩ ᠬᠦᠳᠡᠭᠡ ᠲᠣᠰᠬᠤᠨ ᠢ ᠬᠦᠭᠵᠢᠭᠦᠯᠦᠨ ᠭᠦᠴᠦᠷᠭᠡᠭᠵᠢᠭᠦᠯᠬᠦ ᠪᠠᠶᠢᠯᠳᠣᠬᠤ | ᠪᠣᠳᠣᠯᠭ᠎ᠠ ᠲᠠᠢ ᠠᠭᠤᠯᠬᠤᠨ᠂ ᠬᠠᠷᠠᠯᠳᠠ ᠶᠢᠨ ᠲᠠᠯ᠎ᠠ ᠪᠠᠷ ᠲᠡᠭᠡᠷ᠎ᠡ ᠬᠡᠮᠵᠢᠶ᠎ᠡ ᠪᠠᠷ ᠨᠡᠶᠢᠴᠡᠵᠣ᠂ ᠨᠢᠭᠡᠨᠳᠡ | ᠬᠦᠭᠵᠢᠯᠳᠡ ᠶᠢᠨ ᠣᠷᠢᠳᠠᠴᠢ ᠲᠣᠬᠢᠶᠠᠯ ᠪᠣᠯᠣᠨ ᠣᠷᠣᠨ ᠵᠠᠢ ᠶᠢ ᠡᠵᠡᠮᠳᠡᠭᠰᠡᠨ ᠪᠠᠶᠢᠨ᠎ᠠ᠃ ᠨᠠᠮ ᠤᠨ ᠠᠷᠪᠠ | ᠶᠢᠰᠦᠳᠦᠭᠡᠷ ᠬᠤᠷᠠᠯ ᠠᠴᠠ ᠬᠠᠩᠭᠠᠯᠠᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠵᠣ | ᠠᠬᠤᠢ ᠶᠢᠨ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠣᠷᠳᠦ ᠬᠤᠭᠤᠴᠠᠭᠠᠨ ᠤ ᠬᠠᠷᠠᠯᠳᠠ ᠪᠠᠷ ᠲᠣᠳᠣᠷᠬᠠᠶᠢᠯᠠᠵᠣ᠂ | ᠬᠠᠩᠭᠠᠯᠠᠭ᠎ᠠ ᠶᠢᠨ ᠴᠢᠨᠠᠷᠵᠢᠯ ᠤᠨ ᠲᠡᠭᠡᠭᠰᠢᠯᠡᠭᠦᠯᠦᠯᠳᠡ ᠶᠢ ᠠᠵᠣ ᠠᠬᠤᠢ ᠶᠢᠨ ᠬᠦᠭᠵᠢᠯᠳᠠ ᠶᠢᠨ ᠭᠤᠣᠯ | ᠰᠢᠪᠳᠣᠯᠣᠯᠳᠠ ᠶᠢᠨ ᠴᠢᠭᠯᠡᠯ ᠪᠤᠯᠭᠠᠭᠰᠠᠨ ᠨᠢ᠂ ᠴᠢᠨᠠᠷᠯᠢᠭ ᠬᠠᠩᠭᠠᠯᠠᠭ᠎ᠠ ᠪᠠᠶᠢᠮᠠᠨᠵᠢᠨ ᠰᠠᠶ᠋ᠢ ᠵᠠᠬ᠎ᠠ ᠲᠡᠯᠭᠡᠭᠦᠷ ᠤᠨ | ᠨᠤᠷᠮ᠎ᠠ ᠶᠢ ᠨᠡᠩ ᠢᠯᠡᠭᠦᠥ ᠡᠵᠡᠯᠡᠵᠥ ᠴᠢᠳᠠᠨ᠎ᠠ ᠭᠡᠰᠡᠨ ᠢ ᠬᠠᠷᠠᠭᠤᠯᠵᠤ ᠪᠤᠢ᠃ ᠪᠢᠳᠡ ᠴᠢᠬᠤᠯᠠ ᠶᠡᠭᠡ ᠲᠦᠷᠦᠯ | ᠵᠣᠶᠢᠯ ᠢ ᠲᠦᠯᠦᠪᠵᠢᠭᠦᠯᠦᠨ ᠪᠠᠶᠢᠭᠤᠯᠬᠤ ᠳᠤ ᠪᠠᠨ ᠢᠮᠠᠭᠳᠠ ᠦᠵᠦᠭᠦᠷᠵᠢᠯ ᠬᠠᠩᠭᠠᠯᠠᠭ᠎ᠠ ᠶᠢ ᠴᠢᠬᠤᠯᠠᠴᠢᠯᠠᠵᠣ᠂ | ᠰᠦᠪᠡᠭᠴᠢᠯᠡᠨ ᠠᠬᠢᠭᠤᠯᠵᠣ ᠪᠠᠶᠢᠭ᠎ᠠ ︽ᠪᠦᠬᠦ ᠴᠠᠷᠠᠭᠠᠨ ᠤ ᠵᠢᠭᠤᠯᠴᠢᠯᠠᠯ︾ ᠢᠶᠠᠷ ᠬᠡᠷᠡᠭᠯᠡᠭᠡᠨ ᠤ ᠱᠠᠭᠠᠷᠳᠠᠯᠭ᠎ᠠ ᠲᠠᠢ | ᠨᠢᠭᠳᠠ ᠠᠪᠴᠠᠯᠳᠣᠭᠤᠯᠵᠣ᠂ ᠦᠭᠡᠷᠡᠴᠢᠯᠡᠯᠳᠡ ᠬᠦᠭᠵᠢᠯᠳᠡ ᠶᠢᠨ ᠶᠡᠭᠡ ᠬᠠᠨᠳᠣᠰᠢ ᠳᠤ ᠨᠡᠶᠢᠴᠡᠭᠦᠯᠦᠭᠰᠡᠨ ᠠᠴᠠ | ᠵᠠᠬ᠎ᠠ ᠲᠡᠯᠭᠡᠭᠦᠷ ᠤᠨ ᠨᠥᠭᠡᠴᠡ ᠭᠥᠴᠥᠨ ᠢ ᠴᠢᠩᠭᠠᠳᠬᠠᠭᠰᠠᠨ ᠪᠠᠶᠢᠨ᠎ᠠ᠃ ᠪᠢᠳᠡ ᠲᠡᠷᠢᠭᠦᠨ ᠳᠤ ᠨᠢ ᠭᠠᠷᠬᠤ | ᠲᠡᠭᠦᠯᠳᠡᠷ ᠵᠣᠷᠢᠭ ᠢᠶᠠᠷ ᠬᠦᠭᠵᠢᠯᠳᠡ ᠶᠢᠨ ᠬᠠᠮ ᠬᠦᠴᠦᠨ ᠢ ᠨᠢᠭᠳᠠᠷᠠᠭᠤᠯᠣᠨ᠂ ᠡᠭᠦᠷᠭᠡᠯᠡᠯ ᠬᠠᠷᠢᠭᠤᠴᠠᠯᠭ᠎ᠠ ᠪᠠᠨ | ᠴᠢᠩᠭᠠᠳᠬᠠᠵᠣ᠂ ᠪᠣᠳᠠᠳᠠᠢ ᠠᠵᠢᠯᠯᠠᠨ ᠪᠣᠳᠠᠳᠠᠶᠢᠵᠢᠭᠤᠯᠣᠨ ᠨᠠᠶᠢᠳᠠᠪᠦᠷᠢᠵᠢᠭᠤᠯᠳᠠᠭ ᠯᠠ ᠶᠣᠮ ᠪᠣᠯ ᠬᠠᠨᠳᠣᠰᠢ | ᠪᠠᠶᠢᠳᠠᠯ ᠢᠶᠠᠷ ᠬᠦᠭᠵᠢᠯᠳᠡ ᠶᠢᠨ ᠲᠠᠪᠠᠭᠤᠯᠢᠭ ᠢ ᠡᠭᠦᠳᠴᠦ᠂ ᠣᠳᠤᠭ ᠤᠨ ᠡᠮᠦᠨᠡᠳᠦ ᠬᠤᠰᠢᠭᠤᠨ ᠤ ᠢᠷᠠᠭᠤ | ᠲᠣᠣᠯᠢᠰ ᠢ ᠪᠢᠴᠢᠭᠯᠡᠬᠦ ᠨᠢ ᠯᠠᠪᠳᠠᠢ᠃ | ︵ᠨᠢᠭᠡ︶᠂ ᠠᠵᠤ ᠥᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠲᠠᠪᠰᠢᠭᠤᠯᠬᠤ ᠪᠠᠨ | ᠲᠥᠷᠭᠡᠳᠭᠡᠵᠥ᠂ ᠨᠡᠩ ᠪᠥᠳᠥᠮᠵᠢᠳᠤ ᠭᠥᠭᠵᠢᠯᠳᠡ ᠪᠠᠷ ᠠᠷᠠᠳ ᠢᠶᠠᠨ ᠴᠢᠨᠡᠭᠡᠯᠢᠭᠵᠢᠭᠦᠯᠥᠨᠡ᠃ ᠬᠠᠩᠭᠠᠯᠠᠭ᠎ᠠ ᠶᠢᠨ | ᠲᠠᠯ᠎ᠠ ᠶᠢᠨ ᠪᠥᠳᠥᠴᠠ ᠶᠢᠨ ᠴᠢᠨᠠᠷᠳᠤ ᠥᠭᠡᠷᠡᠴᠢᠯᠡᠯᠳᠡ ᠶᠢ ᠭᠥᠨᠵᠡᠭᠡᠢ ᠠᠬᠢᠭᠤᠯᠵᠤ᠂ ᠭᠥᠳᠡᠯᠭᠡᠭᠴᠢ ᠭᠥᠴᠥᠨ᠂ | ᠠᠮᠢᠳᠤᠯᠢᠭ ᠭᠥᠴᠥᠨ᠂ ᠥᠷᠢᠰᠭᠦ ᠭᠥᠴᠥᠨ ᠢᠶᠠᠷ ᠨᠡᠩ ᠴᠢᠩᠭ᠎ᠠ ᠤᠳᠤ ᠥᠶ᠎ᠡ ᠶᠢᠨ ᠠᠵᠤ ᠥᠢᠯᠡᠰ ᠤᠨ ᠰᠢᠰᠲ᠋ᠧᠮ | ᠢ ᠭᠥᠴᠥᠯᠡᠨ ᠴᠤᠭᠴᠠᠯᠠᠨ᠎ᠠ᠃ | ︽ᠭᠥᠳᠡᠭᠡ ᠨᠤᠳᠤᠭ ᠢ ᠭᠥᠴᠥᠷᠭᠡᠭᠵᠢᠭᠦᠯᠥᠨ ᠭᠥᠭᠵᠢᠭᠦᠯᠭᠦ︾ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠥᠨ᠂ ︽ᠲᠡᠰ ᠴᠢᠨᠠᠷᠳᠤ ᠮᠠᠯ ᠲᠠᠷᠢᠶᠠᠯᠠᠩ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ᠂ | ᠪᠤᠯᠪᠠᠰᠤᠷᠠᠯ ᠰᠠᠶᠢᠳᠠᠢ ᠮᠠᠯᠴᠢᠨ ᠲᠠᠷᠢᠶᠠᠴᠢᠳ︾ ᠤᠨ ᠪᠤᠳᠤᠯᠭ᠎ᠠ ᠶᠢ ᠭᠥᠨᠵᠡᠭᠡᠶᠢᠷᠡᠭᠦᠯᠥᠨ ᠠᠬᠢᠭᠤᠯᠤᠨ᠎ᠠ᠃ ᠮᠠᠯ | ᠲᠠᠷᠢᠶᠠᠯᠠᠩ ᠤᠨ ᠬᠠᠩᠭᠠᠯᠠᠭ᠎ᠠ ᠶᠢᠨ ᠲᠠᠯ᠎ᠠ ᠶᠢ ᠪᠥᠭᠦ ᠲᠠᠯ᠎ᠠ ᠪᠠᠷ ᠰᠢᠯᠢᠳᠡᠭᠵᠢᠭᠦᠯᠥᠨ᠂ ᠮᠠᠯᠵᠢᠬᠤ ᠲᠠᠷᠢᠶᠠᠯᠠᠬᠤ | ᠤᠷᠤᠨ ᠤ ᠭᠥᠴᠥᠨ ᠵᠥᠢᠯ ᠤᠨ ᠠᠮᠢᠳᠤᠯᠢᠭ ᠭᠥᠴᠥᠨ ᠢ ᠭᠥᠭᠵᠢᠭᠡᠵᠥ᠂ ᠮᠠᠯᠴᠢᠨ ᠲᠠᠷᠢᠶᠠᠴᠢᠨᠳ ᠤᠨ ᠤᠷᠤᠯᠭ᠎ᠠ ᠶᠢ | ᠪᠠᠳᠤᠯᠠᠨ ᠰᠠᠶᠢᠵᠢᠷᠠᠭᠤᠯᠤᠨ᠎ᠠ᠃ ︽ᠭᠤᠷᠪᠠ ᠶᠢ ᠲᠤᠬᠢᠷᠠᠭᠤᠯᠬᠤ︾᠂ ︽ᠬᠤᠶᠠᠷ ᠢ ᠢᠳᠡᠪᠬᠢᠯᠡᠭᠦᠯᠭᠦ︾ ᠪᠠᠷ ᠮᠠᠯ | ᠲᠠᠷᠢᠶᠠᠯᠠᠩ ᠤᠨ ᠥᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠲᠠᠪᠰᠢᠭᠤᠯᠵᠤ᠂ ᠴᠢᠨᠠᠷ ᠢ ᠨᠢ | ᠲᠡᠭᠡᠭᠰᠢᠯᠡᠭᠦᠯᠥᠨ ᠠᠰᠢᠭ ᠢ ᠵᠤᠵᠠᠭᠠᠳᠬᠠᠨ᠎ᠠ᠃ ᠪᠥᠳᠥᠭᠡᠭᠳᠡᠭᠦᠨ ᠤ ᠪᠥᠳᠥᠴᠡ ᠶᠢ ᠲᠤᠬᠢᠷᠠᠭᠤᠯᠤᠨ | ᠰᠢᠯᠢᠳᠡᠭᠵᠢᠭᠦᠯᠵᠥ᠂ ᠮᠠᠯ ᠤᠨ ᠡᠭᠦᠯᠳᠡᠷ ᠰᠠᠶᠢᠵᠢᠷᠠᠭᠤᠯᠤᠯᠳᠠ ᠪᠤᠯᠤᠨ ᠲᠠᠷᠢᠵᠤ ᠲᠡᠵᠢᠭᠡᠭᠦ ᠠᠵᠢᠯ ᠢ ᠴᠢᠨᠠᠷᠵᠢᠭᠤᠯᠬᠤ | ᠠᠴᠠ ᠡᠬᠢᠯᠡᠭᠦᠯᠥᠨ᠂ ᠪᠥᠳᠥᠴᠡ ᠶᠢᠨ ᠲᠤᠬᠢᠷᠠᠭᠤᠯᠤᠯᠳᠠ ᠶᠢᠨ ᠭᠤᠷᠪᠠᠨ ᠵᠢᠯ ᠤᠨ ᠰᠢᠪᠳᠤᠯᠤᠯᠳᠠ ᠥᠷᠨᠢᠭᠦᠯᠥᠨ᠂ | ᠪᠥᠳᠥᠭᠡᠭᠳᠡᠭᠦᠨ ᠤ ᠴᠢᠨᠠᠷ ᠲᠡᠰ ᠪᠤᠯᠤᠨ ᠨᠢᠭᠡᠴᠢ ᠭᠠᠷᠤᠯᠳᠠ ᠶᠢ ᠲᠡᠭᠡᠭᠰᠢᠯᠡᠭᠦᠯᠵᠥ᠂ ᠵᠠᠬ᠎ᠠ ᠲᠡᠯᠭᠡᠭᠦᠷ ᠲᠤ | ᠬᠠᠨᠳᠤᠭᠤᠯᠤᠭᠰᠠᠨ ᠪᠤᠷᠤᠯᠠᠭᠤᠯᠭ᠎ᠠ ᠰᠠᠶᠢᠳᠠᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠬᠠᠩᠭᠠᠯᠠᠭ᠎ᠠ ᠶᠢᠨ ᠲᠠᠯ᠎ᠠ ᠶᠢ | ᠪᠥᠷᠢᠳᠥᠭᠦᠯᠵᠥ᠂ 100 ᠲᠥᠮᠡᠨ ᠠᠯᠠᠰᠢᠨ ᠪᠤᠭ ᠮᠠᠯ᠂ 10 ᠲᠥᠮᠡᠨ ᠠᠯᠠᠰᠢᠨ ᠥᠭᠡᠷ᠂ ᠲᠥᠮᠡᠨ ᠲᠤᠨ ᠴᠢᠨᠠᠷ | ᠰᠠᠶᠢᠳᠤ ᠮᠠᠯ ᠲᠠᠷᠢᠶᠠᠯᠠᠩ ᠤᠨ ᠪᠥᠳᠥᠭᠡᠭᠳᠡᠭᠦᠨ ᠬᠢᠭᠡᠳ 100 ᠲᠤᠨ ᠤ ᠤᠨᠴᠠ ᠤᠷᠳᠤ ᠨᠠᠷᠢᠨ ᠰᠠᠶᠢᠨ | ᠨᠤᠤᠯᠤᠭᠤᠷ ᠤᠨ ᠭᠠᠷᠤᠯᠳᠠ ᠶᠢᠨ ᠰᠠᠭᠤᠷᠢᠨ ᠢ ᠴᠤᠭᠴᠠᠯᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠴᠢᠨᠠᠷ ᠢ | ᠪᠥᠭᠦ ᠲᠠᠯ᠎ᠠ ᠪᠠᠷ ᠰᠠᠶᠢᠵᠢᠷᠠᠭᠤᠯᠤᠨ᠎ᠠ︔ ᠴᠢᠨᠠᠷ ᠰᠠᠶᠢᠳᠠᠢ ᠨᠤᠳᠤᠭ ᠤᠨ ᠭᠠᠷᠤᠯᠳᠠ ᠶᠢ ᠲᠥᠪᠯᠡᠷᠡᠭᠦᠯᠥᠨ ᠲᠡᠯᠭᠡᠨ | ᠪᠤᠷᠤᠯᠠᠭᠤᠯᠬᠤ ᠲᠠᠪᠴᠠᠩ ᠪᠥᠳᠥᠭᠡᠵᠥ᠂ ᠭᠠᠵᠠᠷ ᠤᠷᠤᠨ ᠤ ᠨᠡᠷᠡᠳᠤ ᠲᠡᠮᠳᠡᠭ ᠢᠶᠠᠷ ᠠᠯᠳᠠᠷᠰᠢᠯ ᠪᠥᠳᠥᠭᠡᠭᠳᠡᠭᠦᠨ ᠢ | ᠴᠡᠭᠴᠡᠵᠢᠭᠦᠯᠥᠨ᠂ ᠨᠡᠷᠡᠳᠤ ᠲᠡᠮᠳᠡᠭ ᠤᠨ ᠭᠡᠰᠢᠭᠦᠳ ᠤᠨ ᠲᠥᠷᠢᠮ ᠢ ᠰᠥᠪᠡᠭᠴᠢᠯᠡᠵᠤ ᠲᠤᠭᠳᠠᠭᠠᠨ᠂ ᠴᠢᠨᠠᠷ | ᠪᠠᠷᠢᠮᠵᠢᠶ᠎ᠠ ᠶᠢ ᠨᠢᠭᠡᠳᠭᠡᠨ ᠲᠡᠮᠳᠡᠭ ᠨᠡᠷᠡᠮᠵᠢ ᠶᠢ ᠴᠤᠭ ᠢᠶᠠᠷ ᠠᠰᠢᠭᠯᠠᠵᠤ᠂ ᠬᠠᠮᠳᠤ ᠶᠢᠨ ᠭᠥᠴᠥᠨ ᠢᠶᠠᠷ ᠵᠠᠬ᠎ᠠ | ᠲᠡᠯᠭᠡᠭᠦᠷ ᠢ ᠥᠷᠭᠡᠳᠭᠡᠨ᠂ ᠴᠢᠨᠠᠷᠯᠢᠭ ᠪᠥᠳᠥᠭᠡᠭᠳᠡᠭᠦᠨ ᠥᠨᠳᠥᠷ ᠠᠰᠢᠭ ᠢ ᠪᠠᠲᠦᠯᠠᠵᠤ᠂ ᠮᠠᠯ ᠲᠠᠷᠢᠶᠠᠯᠠᠩ ᠤᠨ | ᠥᠢᠯᠡᠰ ᠤᠨ ᠪᠥᠭᠦᠯᠢ ᠴᠤᠭᠴᠠ ᠶᠢᠨ ᠠᠰᠢᠭ ᠤᠷᠤᠯᠭ᠎ᠠ ᠶᠢ ᠨᠡᠮᠡᠭᠳᠡᠭᠦᠯᠥᠨ᠎ᠡ᠃ ᠥᠢᠯᠡᠳᠪᠥᠷᠢᠯᠡᠯ ᠤᠨ ᠠᠷᠭ᠎ᠠ | ᠮᠠᠶ᠋ᠢᠭ ᠢ ᠰᠠᠶᠢᠳᠤᠷ ᠲᠤᠬᠢᠷᠠᠭᠤᠯᠤᠨ᠂ ᠠᠵᠤ ᠥᠢᠯᠡᠰ ᠤᠨ ᠬᠡᠯᠪᠡᠷᠢ ᠶᠢᠨ ᠬᠤᠪᠢᠷᠠᠯᠳᠠ ᠶᠢᠨ ᠪᠠᠶᠢᠳᠠᠯ ᠳᠤ | ᠨᠡᠶᠢᠴᠡᠭᠦᠯᠵᠤ᠂ ᠰᠤᠩᠭᠤᠯᠳᠠ ᠲᠠᠢ ᠪᠠᠷ ᠠᠷᠠᠯᠵᠢᠶᠠᠴᠢᠨ ᠤᠷᠢᠨ᠂ ᠲᠠᠶᠢᠴᠢᠯᠠᠨ ᠲᠠᠭᠠᠭᠤᠯᠬᠤ ᠥᠨᠡᠨ ᠭᠦ ᠴᠢᠳᠠᠮᠵᠢ | ᠲᠠᠢ ᠨᠢᠭᠡ ᠪᠥᠯᠥᠭ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠤᠨ᠂ ᠮᠠᠯᠴᠢᠨ ᠲᠠᠷᠢᠶᠠᠴᠢᠨ ᠪᠤᠯᠤᠨ ᠠᠵᠤ | ᠠᠬᠤᠶᠢᠯᠠᠯ ᠤᠨ ᠠᠰᠢᠭ ᠲᠤᠰᠠ ᠨᠢᠭᠳᠠ ᠬᠤᠯᠪᠤᠯᠳᠤᠭᠰᠠᠨ ᠮᠠᠯᠵᠢᠯ ᠤᠨ ᠪᠠ ᠲᠠᠷᠢᠶᠠᠯᠠᠩ ᠤᠨ ᠲᠠᠯᠠᠪᠠᠢ ᠮᠠᠶ᠋ᠢᠭ ᠤᠨ | ᠴᠤᠭᠴᠠᠵᠢᠯ ᠡᠵᠡᠩᠨᠡᠯᠳᠡ ᠶᠢ ᠢᠳᠡᠪᠬᠢᠳᠡᠢ ᠭᠥᠭᠵᠢᠭᠡᠵᠥ᠂ ᠮᠠᠯ ᠲᠠᠷᠢᠶᠠᠯᠠᠩ ᠤᠨ ᠪᠤᠬᠢᠷᠳᠤᠯ ᠥᠭᠡᠢ ᠥᠢᠯᠡᠳᠪᠥᠷᠢᠯᠡᠯ | ᠪᠤᠯᠤᠨ ᠠᠵᠤ ᠥᠢᠯᠡᠰᠴᠢᠯᠡᠭᠰᠡᠨ ᠭᠥᠭᠵᠢᠯᠳᠡ ᠶᠢ ᠠᠬᠢᠭᠤᠯᠤᠨ᠎ᠠ᠃ ᠡᠬᠢ ᠰᠤᠷᠪᠤᠯᠵᠢ ᠶᠢ ᠴᠡᠭᠴᠡᠵᠢᠭᠦᠯᠥᠨ᠂ | ᠴᠢᠬᠤᠯᠠ ᠵᠥᠢᠯ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠥ᠂ ᠡᠷᠥᠭᠡ ᠬᠤᠯᠪᠤᠭᠠᠯᠠᠨ ᠡᠵᠡᠩᠨᠡᠭᠦ ᠪᠠ ᠪᠠᠷᠢᠮᠵᠢᠶ᠎ᠠ | ᠨᠢᠭᠡᠳᠭᠡᠨ ᠥᠷᠭᠡᠳᠭᠡᠭᠦ ᠰᠢᠨ᠎ᠡ ᠭᠥᠭᠵᠢᠯ ᠤᠨ ᠵᠠᠮ ᠡᠷᠢᠯᠬᠢᠯᠡᠨ᠂ ᠥᠨᠳᠥᠷ ᠪᠠᠷᠢᠮᠵᠢᠶᠠᠳᠤ ᠤᠳᠤᠬᠢᠴᠢᠯᠠᠭᠰᠠᠨ | ᠲᠠᠷᠢᠵᠤ ᠲᠡᠵᠢᠭᠡᠭᠦ ᠰᠠᠭᠤᠷᠢᠨ ᠭᠠᠵᠠᠷ ᠢ 30 ᠲᠥᠮᠡᠨ ᠮᠤ᠋ ᠨᠡᠭᠡᠭᠡᠵᠥ᠂ ᠬᠡᠪᠴᠢᠶᠡᠵᠢᠭᠰᠡᠨ ᠡᠵᠡᠩᠨᠡᠯᠳᠡ ᠪᠠᠷ ᠥᠪᠡᠷ | ᠤᠨ ᠥᠷᠳᠡᠭ ᠢ ᠪᠠᠭᠤᠷᠠᠭᠤᠯᠤᠨ᠂ ᠨᠠᠷᠢᠯᠢᠭ ᠬᠠᠮᠢᠶᠠᠷᠤᠯᠳᠠ ᠪᠠᠷ ᠤᠷᠤᠯᠭ᠎ᠠ ᠶᠢ ᠨᠡᠮᠡᠭᠳᠡᠭᠦᠯᠥᠨ᠎ᠡ᠃ ᠠᠵᠤ ᠥᠢᠯᠡᠰ | ᠤᠨ ᠪᠥᠳᠥᠴᠠ ᠶᠢ ᠲᠤᠬᠢᠷᠠᠭᠤᠯᠵᠤ ᠰᠢᠨ᠎ᠡ ᠠᠵᠤ ᠥᠢᠯᠡᠰ ᠰᠢᠨ᠎ᠡ ᠠᠵᠢᠯ ᠲᠥᠷᠥᠯ ᠢ ᠭᠥᠴᠥᠯᠡᠨ ᠭᠥᠭᠵᠢᠭᠦᠯᠵᠥ᠂ | ᠴᠢᠨᠠᠷ ᠠᠯᠳᠠᠷᠰᠢᠯ᠂ ᠪᠤᠯᠪᠠᠰᠤᠷᠠᠭᠤᠯᠤᠯᠳᠠ ᠪᠤᠭᠤᠳᠠᠯᠯᠠᠯᠳᠠ ᠪᠠ ᠪᠤᠳᠠᠰ ᠤᠨ ᠭᠥᠢᠯᠭᠡᠭᠡ ᠭᠤᠷᠪᠠᠨ ᠭᠤᠭᠴᠤᠭ᠎ᠠ ᠪᠠᠷ | ᠥᠨ᠎ᠡ ᠥᠷᠳᠡᠭ ᠥᠰᠭᠡᠵᠥ᠂ ᠥᠨ᠎ᠡ ᠬᠠᠩᠰᠢ ᠶᠢᠨ ᠨᠡᠮᠡᠭᠳᠡᠯ ᠢ ᠪᠠᠳᠤᠯᠠᠨ᠎ᠠ︔ ᠰᠡᠯᠡᠭᠦᠴᠡᠯ ᠵᠢᠭᠤᠯᠴᠢᠯᠠᠯ᠂ | ᠥᠢᠯᠡᠳᠪᠥᠷᠢᠯᠡᠯ ᠪᠤᠷᠤᠯᠠᠭᠤᠯᠤᠯᠳᠠ᠂ ᠬᠡᠷᠡᠭᠯᠡᠭᠡ ᠤᠶᠢᠯᠠᠭᠠᠯᠳᠠ᠂ ᠰᠥᠯᠵᠢᠶᠡᠨ ᠬᠤᠳᠠᠯᠳᠤᠭ᠎ᠠ ᠵᠡᠷᠭᠡ ᠪᠠᠷ | ᠲᠠᠮᠵᠢᠭᠤᠯᠤᠨ ᠬᠠᠩᠭᠠᠯᠠᠭ᠎ᠠ ᠶᠢ ᠰᠢᠯᠤᠭᠤᠳᠬᠠᠨ᠎ᠠ᠃ ᠴᠢᠬᠤᠯᠠ ᠵᠥᠢᠯ ᠪᠤᠯᠤᠨ ᠪᠡᠶᠡᠴᠢ ᠴᠤᠭᠴᠠ ᠶᠢ ᠲᠠᠶᠢᠴᠢᠯᠠᠨ | ᠭᠥᠳᠡᠯᠭᠡᠵᠥ᠂ ᠮᠠᠯᠵᠢᠬᠤ ᠲᠠᠷᠢᠶᠠᠯᠠᠬᠤ ᠤᠷᠤᠨ ᠤ ᠡᠬᠢ ᠰᠤᠷᠪᠤᠯᠵᠢ ᠨᠤᠭᠤᠳ ᠢ ᠢᠳᠡᠪᠬᠢᠯᠡᠭᠦᠯᠵᠤ ᠠᠰᠢᠭᠯᠠᠨ᠂ ︽ | ᠭᠤᠷᠪᠡᠨ ᠡᠷᠭᠡ ᠶᠢᠨ ᠲᠤᠰᠠᠭᠠᠷᠯᠠᠯ︾ ᠢ ᠭᠥᠨᠵᠡᠭᠡᠶᠢᠷᠡᠭᠦᠯᠵᠥ᠂ ᠥᠮᠴᠢᠯᠡᠯ ᠤᠨ ᠡᠷᠭᠡ ᠶᠢᠨ ᠲᠥᠷᠢᠮ ᠤᠨ | ᠥᠭᠡᠷᠡᠴᠢᠯᠡᠯᠳᠡ ᠶᠢ ᠲᠥᠷᠭᠡᠳᠭᠡᠨ᠂ ᠮᠠᠯᠴᠢᠨ ᠲᠠᠷᠢᠶᠠᠴᠢᠳ ᠤᠨ ᠬᠤᠪᠢ ᠤᠷᠤᠬᠤ᠂ ᠪᠠᠷᠢᠴᠠᠭ᠎ᠠ ᠲᠠᠯᠪᠢᠬᠤ᠂ | ᠲᠥᠷᠢᠶᠡᠰᠤᠯᠠᠭᠦ᠂ ᠬᠤᠯᠪᠤᠭᠠᠯᠠᠨ ᠡᠵᠡᠩᠨᠡᠭᠦ ᠵᠡᠷᠭᠡ ᠤᠯᠠᠨ ᠠᠷᠭ᠎ᠠ ᠪᠠᠷ ᠡᠵᠡᠩᠨᠡᠯᠳᠡ ᠶᠢᠨ ᠡᠷᠭᠡ ᠪᠠᠨ ᠰᠢᠯᠵᠢᠭᠦᠯᠭᠦ ᠶᠢ | ᠵᠤᠷᠢᠭᠵᠢᠭᠤᠯᠤᠨ ᠵᠢᠯᠤᠭᠤᠳᠴᠤ᠂ ᠡᠬᠢ ᠰᠤᠷᠪᠤᠯᠵᠢ ᠶᠢ ᠡᠳ᠋ ᠭᠥᠷᠥᠩᠭᠡ ᠪᠤᠯᠭᠠᠬᠤ᠂ ᠪᠡᠯᠡ ᠮᠥᠩᠭᠦ ᠶᠢ ᠬᠤᠪᠢ | ᠰᠲ᠋ᠤᠺ ᠬᠤᠪᠢᠯᠭᠠᠬᠤ᠂ ᠮᠠᠯᠴᠢᠨ ᠲᠠᠷᠢᠶᠠᠴᠢᠳ ᠢ ᠬᠤᠪᠢ ᠤᠷᠤᠭᠤᠯᠤᠭᠴᠢ ᠥᠮᠴᠢᠳᠠᠨ ᠪᠤᠯᠭᠠᠨ᠎ᠠ᠃ 2022 ᠤᠨ | ᠪᠤᠯᠬᠤ ᠳᠤ᠂ ᠪᠥᠭᠦ ᠬᠤᠰᠢᠭᠤᠨ ᠤ ᠮᠠᠯ ᠲᠠᠷᠢᠶᠠᠯᠠᠩ ᠤᠨ ᠠᠵᠤ ᠥᠢᠯᠡᠰᠵᠢᠯᠳᠠ ᠶᠢᠨ ᠤᠷᠤᠯᠭ᠎ᠠ ᠶᠢᠨ ᠬᠠᠷᠢᠴᠠᠯ ᠢ | 75% ᠳᠤ ᠭᠥᠷᠭᠡᠨ᠂ ᠮᠠᠯᠴᠢᠨ ᠲᠠᠷᠢᠶᠠᠴᠢᠳ ᠤᠨ ᠬᠥᠮᠥᠨ ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ 3 | ᠲᠥᠮᠡᠨ ᠲᠥᠭᠦᠷᠢᠭ ᠠᠴᠠ ᠲᠠᠪᠠᠭᠤᠯᠤᠨ᠎ᠠ᠃ ︽ᠪᠠᠶᠢᠷᠢᠰᠢᠭᠤᠯᠤᠯᠳᠠ ᠲᠤᠬᠢᠯᠢᠭ᠂ ᠤᠷᠴᠢᠨ ᠲᠤᠬᠢᠯᠢᠭ᠂ ᠰᠤᠷᠳᠠᠯ | ᠲᠤᠬᠢᠯᠢᠭ᠂ ᠠᠮᠢᠳᠤᠷᠠᠯ ᠲᠤᠬᠢᠯᠢᠭ︾ ᠭᠠᠴᠠᠭ᠎ᠠ ᠲᠤᠰᠬᠤᠨ ᠤ ᠴᠤᠭᠴᠠᠯᠠᠯᠳᠠ ᠪᠠᠷ ᠲᠠᠮᠵᠢᠭᠤᠯᠤᠨ ᠮᠠᠯᠵᠢᠬᠤ | ᠲᠠᠷᠢᠶᠠᠯᠠᠬᠤ ᠤᠷᠤᠨ ᠤ ᠡᠪ ᠲᠤᠬᠢᠯᠢᠭ ᠡᠩᠭᠡ ᠲᠤᠭᠳᠠᠭᠤᠨ ᠢ ᠪᠠᠳᠤᠯᠠᠨ᠎ᠠ᠃ ᠤᠯᠠᠨ ᠨᠡᠶᠢᠳᠡ ᠶᠢᠨ ᠥᠢᠯᠡᠴᠢᠯᠡᠭᠡ᠂ | ᠴᠢᠳᠠᠮᠵᠢ ᠲᠥᠭᠦᠷᠴᠢᠯᠡᠭᠡ ᠶᠢ ᠮᠠᠯᠵᠢᠬᠤ ᠲᠠᠷᠢᠶᠠᠯᠠᠬᠤ ᠤᠷᠤᠨ ᠳᠤ ᠬᠠᠨᠳᠤᠭᠤᠯᠤᠨ ᠤᠯᠠᠮ ᠢᠶᠠᠷ ᠪᠥᠷᠢᠨᠰᠢᠭᠦᠯᠵᠥ᠂ | ᠥᠵᠡᠰᠭᠦᠯᠡᠩᠳᠤ ᠰᠠᠶᠢᠬᠠᠨ ᠭᠥᠳᠡᠭᠡ ᠨᠤᠳᠤᠭ ᠤᠨ ᠴᠤᠭᠴᠠᠯᠠᠯᠳᠠ ᠶᠢ ᠲᠡᠰ ᠲᠠᠪᠰᠢᠭᠤᠯᠤᠨ᠎ᠠ᠃ ᠪᠠᠯᠭᠠᠰᠤ ᠭᠠᠴᠠᠭ᠎ᠠ | ᠂ ᠬᠤᠳᠠ ᠭᠥᠳᠡᠭᠡ ᠶᠢᠨ ᠴᠤᠭᠴᠠᠵᠢᠭᠰᠠᠨ ᠭᠥᠭᠵᠢᠯᠳᠡ ᠵᠤᠬᠢᠴᠠᠯᠳᠤ ᠪᠠᠶᠢᠭᠤᠯᠤᠯᠳᠠ ᠶᠢ ᠠᠬᠢᠭᠤᠯᠤᠨ᠂ ︽ | ᠪᠠᠶᠢᠷᠢᠰᠢᠭᠤᠯᠤᠯᠳᠠ ᠲᠤᠬᠢᠯᠢᠭ︾ ᠢ ᠪᠠᠳᠤᠯᠠᠨ᠎ᠠ︔ ᠥᠵᠡᠰᠭᠦᠯᠡᠩᠳᠤ ᠭᠥᠳᠡᠭᠡ ᠨᠤᠳᠤᠭ ᠤᠨ ᠪᠠᠶᠢᠭᠤᠯᠤᠯᠳᠠ ᠶᠢᠨ | ᠥᠷᠭᠦᠯᠵᠢᠯᠡᠯ ᠥᠷ᠎ᠡ ᠠᠰᠢᠭ ᠢ ᠭᠥᠢᠴᠡᠳ ᠪᠠᠳᠠᠷᠠᠭᠤᠯᠵᠤ᠂ ᠥᠢᠯᠡᠳᠪᠥᠷᠢᠯᠡᠯ ᠠᠮᠢ ᠠᠬᠤᠢ ᠬᠢᠭᠡᠳ | ᠤᠶᠢᠵᠢᠭᠤᠯᠤᠯᠳᠠ ᠭᠤᠶᠤᠵᠢᠭᠤᠯᠤᠯᠳᠠ ᠶᠢ ᠴᠢᠩᠭᠠᠳᠬᠠᠨ᠂ ᠭᠠᠴᠠᠭ᠎ᠠ ᠲᠤᠰᠬᠤᠨ᠂ ᠪᠡᠯᠴᠢᠭᠡᠷ ᠭᠥᠳᠡᠭᠡ᠂ ᠵᠠᠮ | ᠬᠠᠷᠭᠤᠢ ᠶᠢᠨ ᠴᠠᠪᠡᠷ ᠠᠷᠢᠭᠤᠨ ᠢ ᠪᠠᠳᠤᠯᠠᠵᠤ᠂ ︽ᠤᠷᠴᠢᠨ ᠲᠤᠬᠢᠯᠢᠭ︾ ᠢ ᠪᠠᠳᠤᠯᠠᠨ᠎ᠠ︔ ᠭᠠᠴᠠᠭ᠎ᠠ ᠲᠤᠰᠬᠤᠨ | ᠤ ᠭᠡᠰᠢᠭᠦᠳ ᠤᠨ ᠥᠪᠡᠷᠳᠡᠭᠡᠨ ᠵᠠᠰᠠᠬᠤ ᠬᠠᠮᠢᠶᠠᠷᠤᠯᠳᠠ ᠶᠢ ᠠᠬᠢᠭᠤᠯᠤᠨ᠂ ᠰᠤᠶᠤᠯ ᠪᠤᠯᠪᠠᠰᠤᠷᠠᠯ ᠢ ᠰᠤᠷᠳᠠᠯᠴᠢᠯᠠᠨ | ᠂ ᠠᠷᠠᠳ ᠤᠯᠠᠨ ᠤ ᠤᠶᠤᠨ ᠤ ᠠᠮᠢᠳᠤᠷᠠᠯ ᠤᠨ ᠴᠡᠩᠭᠡᠯ ᠪᠠᠶᠠᠷ ᠢ ᠴᠢᠬᠤᠯᠠᠴᠢᠯᠠᠵᠤ᠂ ᠵᠥᠷᠢᠴᠡᠯ ᠵᠢᠭᠤᠷᠭᠠᠨ ᠢ | ᠪᠠᠭᠠᠰᠬᠠᠨ᠂ ︽ᠰᠤᠷᠳᠠᠯ ᠲᠤᠬᠢᠯᠢᠭ︾ ᠢ ᠪᠠᠳᠤᠯᠠᠨ᠎ᠠ︔ ᠠᠵᠤ ᠥᠢᠯᠡᠰ ᠭᠠᠴᠠᠭ᠎ᠠ ᠲᠤᠰᠬᠤᠨ ᠬᠤᠷᠰᠢᠭᠰᠠᠨ | ᠲᠥᠷᠥ ᠶᠢᠨ ᠪᠤᠳᠤᠯᠭ᠎ᠠ ᠶᠢᠨ ᠲᠡᠮᠵᠢᠯᠭᠡ ᠶᠢ ᠴᠢᠩᠭᠠᠳᠬᠠᠨ᠂ ᠭᠠᠴᠠᠭ᠎ᠠ ᠲᠤᠰᠬᠤᠨ ᠤ ᠨᠡᠶᠢᠳᠡ ᠶᠢᠨ ᠠᠵᠤ ᠠᠬᠤᠢ | ᠶᠢᠨ ᠤᠷᠤᠯᠭ᠎ᠠ ᠶᠢᠨ ᠴᠢᠳᠠᠪᠤᠷᠢ ᠶᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠳ ᠤᠨ ᠠᠵᠤ ᠥᠢᠯᠡᠰ ᠤᠨ ᠭᠡᠯᠬᠢᠶᠡᠵᠢᠯ | ᠲᠡᠭᠡᠷᠡᠬᠢ ᠤᠷᠤᠯᠭ᠎ᠠ ᠥᠰᠭᠦ ᠪᠤᠯᠤᠯᠴᠠᠭ᠎ᠠ ᠪᠠᠶᠢᠳᠠᠯ ᠢ ᠨᠡᠮᠡᠭᠳᠡᠭᠦᠯᠥᠨ᠂ ︽ᠠᠮᠢᠳᠤᠷᠠᠯ ᠲᠤᠬᠢᠯᠢᠭ︾ ᠢ ᠪᠠᠳᠤᠯᠠᠨ᠎ᠠ᠃ | ︽ᠮᠠᠯ ᠲᠠᠷᠢᠶᠠᠯᠠᠩ ᠤᠨ ᠪᠤᠰᠤ︾ ᠠᠷᠭ᠎ᠠ ᠠᠪᠴᠠᠯ ᠢᠶᠠᠷ ᠮᠠᠯᠴᠢᠨ ᠲᠠᠷᠢᠶᠠᠴᠢᠳ ᠤᠨ ᠬᠡᠪ ᠪᠤᠯᠪᠠᠰᠤᠷᠠᠯ ᠢ | ᠲᠡᠭᠡᠭᠰᠢᠯᠡᠭᠦᠯᠥᠨ᠂ ᠢᠳᠡᠭᠡᠯ ᠪᠠᠳᠤ ᠶᠢ ᠨᠢ ᠴᠢᠩᠭᠠᠳᠬᠠᠨ᠎ᠠ᠃ ᠭᠠᠴᠠᠭ᠎ᠠ ᠲᠤᠰᠬᠤᠨ ᠤ ᠲᠥᠪ ᠲᠤ ᠮᠠᠯᠴᠢᠨ | ᠲᠠᠷᠢᠶᠠᠴᠢᠳ ᠤᠨ ᠵᠢᠭᠠᠨ ᠰᠤᠷᠬᠤ ᠥᠷᠳᠡᠭᠡ ᠪᠠᠶᠢᠭᠤᠯᠵᠤ᠂ ᠪᠤᠯᠪᠠᠰᠤᠷᠠᠯ ᠭᠥᠮᠥᠵᠢᠯ᠂ ᠲᠤᠭᠳᠠᠭᠠᠯᠳᠠ | ᠬᠠᠮᠢᠶᠠᠷᠤᠯᠳᠠ ᠪᠤᠯᠤᠨ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ︽ᠭᠤᠷᠪᠠ ᠶᠢ ᠨᠢᠭᠡᠳᠭᠡᠭᠰᠡᠨ︾ ᠪᠤᠯᠪᠠᠰᠤᠷᠠᠯ | ᠤᠨ ᠰᠢᠰᠲ᠋ᠧᠮ ᠢ ᠰᠥᠪᠡᠭᠴᠢᠯᠡᠨ ᠪᠠᠶᠢᠭᠤᠯᠵᠤ᠂ ᠰᠤᠷᠳᠠᠯ ᠮᠡᠷᠭᠡᠵᠢᠯ ᠴᠢᠳᠠᠪᠤᠷᠢ ᠲᠤᠭᠠᠴᠠᠭ᠎ᠠ ᠲᠠᠢ ᠠᠵᠢᠯ ᠮᠡᠷᠭᠡᠵᠢᠯ | ᠤᠨ ᠮᠠᠯᠴᠢᠨ ᠲᠠᠷᠢᠶᠠᠴᠢᠳ ᠤᠨ ᠡᠩᠨᠡᠭᠡ ᠶᠢ ᠴᠤᠭᠴᠠᠯᠠᠨ᠂ ᠮᠠᠯᠴᠢᠨ ᠲᠠᠷᠢᠶᠠᠴᠢᠳ ᠢ ᠵᠢᠯᠤᠭᠤᠳᠤᠨ ᠠᠮᠢ ᠠᠬᠤᠢ᠂ | ᠤᠰᠤᠨ ᠰᠤᠷᠪᠤᠯᠵᠢ᠂ ᠠᠰᠢᠭ ᠤᠷᠤᠯᠭ᠎ᠠ ᠶᠢᠨ ᠲᠠᠩᠰᠠ ᠲᠤᠭᠠᠴᠠᠬᠤ ᠶᠢ ᠤᠨᠴᠠᠯᠠᠨ ᠴᠢᠩᠭᠠᠳᠬᠠᠵᠤ᠂ | ᠡᠷᠴᠢᠮᠵᠢᠭᠦᠯᠥᠨ ᠭᠥᠭᠵᠢᠭᠦᠯᠭᠦ ᠶᠢᠨ ᠥᠪᠡᠷ ᠤᠨ ᠤᠬᠠᠮᠰᠠᠷ ᠢ ᠨᠢ ᠴᠢᠩᠭᠠᠳᠬᠠᠨ᠎ᠠ᠃ ᠲᠤᠤᠷ ᠰᠥᠯᠵᠢᠶ᠎ᠡ ᠪᠤᠯᠤᠨ | ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠮᠠᠯ ᠲᠠᠷᠢᠶᠠᠯᠠᠩ ᠤᠨ ᠥᠢᠯᠡᠰ ᠤᠨ ᠵᠠᠬ᠎ᠠ ᠲᠡᠯᠭᠡᠭᠦᠷ ᠤᠨ | ᠰᠤᠷᠠᠭ ᠵᠠᠩᠬᠢ ᠶᠢᠨ ᠬᠠᠮᠳᠤ ᠡᠳ᠋ᠯᠡᠯᠳᠡ ᠶᠢ ᠲᠠᠶᠠᠭᠠᠷᠴᠢᠯᠠᠵᠤ᠂ ᠮᠠᠯᠴᠢᠨ ᠲᠠᠷᠢᠶᠠᠴᠢᠳ ᠤᠨ ᠵᠠᠬ᠎ᠠ ᠲᠡᠯᠭᠡᠭᠦᠷ ᠲᠤ | ᠴᠢᠭᠯᠡᠭᠦᠯᠥᠨ ᠠᠵᠤ ᠥᠢᠯᠡᠳᠪᠥᠷᠢᠯᠡᠯ ᠢᠶᠠᠨ ᠲᠤᠬᠢᠷᠠᠭᠤᠯᠬᠤ ᠴᠢᠳᠠᠪᠤᠷᠢ ᠶᠢ ᠲᠡᠭᠡᠭᠰᠢᠯᠡᠭᠦᠯᠥᠨ᠎ᠡ᠃ ᠢᠳᠡᠭᠡᠯ ᠪᠠᠳᠤ | ᠶᠢᠨ ᠲᠡᠰ ᠵᠡᠷᠭᠡ ᠶᠢ ᠲᠥᠷᠥᠯ ᠵᠥᠢᠯ ᠲᠤᠬᠢᠷᠠᠭᠤᠯᠬᠤ ᠪᠠ ᠲᠥᠷᠥ ᠶᠢᠨ ᠪᠤᠳᠤᠯᠭ᠎ᠠ ᠪᠠᠷ ᠬᠠᠷᠠᠭᠠᠯᠵᠠᠬᠤ ᠵᠡᠷᠭᠡ ᠠᠵᠢᠯ | ᠲᠠᠢ ᠵᠤᠬᠢᠬᠤ ᠭᠡᠮᠵᠢᠶ᠎ᠡ ᠪᠠᠷ ᠬᠤᠯᠪᠤᠨ ᠠᠰᠢᠭᠯᠠᠵᠤ᠂ ᠢᠳᠡᠭᠡᠯ ᠢ ᠭᠥᠭᠢᠭᠦᠯᠥᠨ ᠪᠤᠰᠤᠷᠮᠠᠭ ᠢ ᠬᠥᠯᠢᠶᠡᠰᠥᠯᠡᠭᠦ | ᠲᠤᠭᠳᠡᠴᠠ ᠪᠥᠷᠢᠯᠳᠤᠭᠦᠯᠵᠥ᠂ ᠮᠠᠯᠴᠢᠨ ᠲᠠᠷᠢᠶᠠᠴᠢᠳ ᠤᠨ ᠢᠳᠠᠭᠡᠮᠵᠢ ᠶᠢᠨ ᠤᠬᠠᠮᠰᠠᠷ ᠢ ᠴᠢᠩᠭᠠᠳᠬᠠᠨ᠎ᠠ᠃ ᠵᠠᠬ᠎ᠠ | ᠲᠡᠯᠭᠡᠭᠦᠷ ᠬᠢᠭᠡᠳ ᠲᠠᠸᠠᠷ ᠤᠨ ᠬᠡᠷᠡᠭᠴᠡᠭᠡᠨ ᠤ ᠬᠤᠪᠢᠷᠠᠯᠳᠠ ᠶᠢ ᠰᠠᠶᠢᠳᠤᠷ ᠰᠤᠳᠤᠯᠵᠤ᠂ ᠵᠠᠬ᠎ᠠ ᠲᠡᠯᠭᠡᠭᠦᠷ ᠲᠤ | ᠭᠥᠨᠵᠡᠭᠡᠶᠢᠷᠡᠨ ᠰᠤᠷᠠᠭ ᠵᠠᠩᠬᠢ ᠴᠤᠭᠯᠠᠭᠤᠯᠤᠭᠴᠢ ᠨᠢᠭᠡ ᠪᠥᠯᠥᠭ ᠴᠢᠳᠠᠪᠥᠷᠢᠳᠡᠳ ᠢ ᠭᠥᠮᠥᠵᠢᠭᠦᠯᠵᠥ᠂ ᠮᠠᠯᠴᠢᠨ | ᠲᠠᠷᠢᠶᠠᠴᠢᠳ ᠤᠨ ᠵᠠᠬ᠎ᠠ ᠲᠡᠯᠭᠡᠭᠦᠷ ᠲᠤ ᠬᠠᠨᠳᠤᠬᠤ ᠶᠢᠨ ︽ᠲᠥᠯᠥᠭᠡᠨ ᠤ ᠭᠥᠮᠥᠨ︾ ᠪᠤᠯᠭᠠᠨ᠂ ᠮᠠᠯᠴᠢᠨ | ᠲᠠᠷᠢᠶᠠᠴᠢᠳ ᠤᠨ ᠲᠠᠷᠢᠵᠤ ᠲᠡᠵᠢᠭᠡᠭᠦ ᠶᠢᠨ ᠪᠥᠳᠥᠴᠡ ᠶᠢᠨ ᠲᠤᠬᠢᠷᠠᠭᠤᠯᠤᠯ ᠢ ᠵᠢᠯᠤᠭᠤᠳᠤᠭᠤᠯᠤᠨ᠎ᠠ︔ ᠮᠠᠯ | ᠲᠠᠷᠢᠶᠠᠯᠠᠩ ᠤᠨ ᠮᠡᠷᠭᠡᠵᠢᠯ ᠲᠥᠭᠡᠮᠡᠯᠵᠢᠭᠦᠯᠥᠯᠳᠡ ᠶᠢᠨ ᠥᠢᠯᠡᠴᠢᠯᠡᠭᠡ ᠶᠢᠨ ᠰᠢᠰᠲ᠋ᠧᠮ ᠢ ᠴᠢᠩᠭᠠᠳᠬᠠᠨ᠂ ᠮᠡᠷᠭᠡᠵᠢᠯ | ᠤᠨ ᠲᠥᠷᠭᠡᠨ ᠲᠠᠮᠵᠢᠯᠠᠭᠠ ᠶᠢᠨ ᠪᠥᠰᠡ ᠴᠤᠭᠴᠠᠯᠠᠵᠤ᠂ ᠨᠢᠭᠡ ᠪᠥᠯᠥᠭ ᠲᠤᠰᠬᠠᠢ ᠮᠡᠷᠭᠡᠵᠢᠯᠳᠡᠨ ᠭᠥᠮᠥᠵᠢᠭᠦᠯᠥᠨ᠂ | ᠤᠷᠤᠨ ᠨᠤᠳᠤᠭ ᠤᠨ ᠴᠢᠳᠠᠪᠤᠷᠢᠳᠠᠳ ᠢ ᠲᠡᠮᠵᠢᠨ ᠬᠠᠯᠠᠮᠵᠢᠯᠠᠨ᠎ᠠ᠃ | ︽ᠲᠥᠷᠥᠯ ᠵᠥᠢᠯ ᠢᠶᠠᠷ ᠰᠢᠪᠳᠤᠯᠬᠤ︾ ᠠᠵᠢᠯᠯᠠᠭ᠎ᠠ ᠶᠢ ᠭᠡᠷᠡᠭᠵᠢᠭᠦᠯᠥᠨ᠂ ᠠᠵᠤ ᠥᠢᠯᠡᠳᠪᠥᠷᠢ ᠶᠢᠨ | ᠠᠵᠤ ᠠᠬᠤᠢ ᠶᠢᠨ ᠭᠥᠴᠥᠷᠭᠡᠭᠵᠢᠯ ᠢ ᠠᠬᠢᠭᠤᠯᠤᠨ᠎ᠠ᠃ ᠲᠤᠮᠤ ᠲᠥᠷᠥᠯ ᠵᠥᠢᠯ ᠢᠶᠠᠷ ᠲᠤᠯᠭᠠᠭᠤᠷᠢᠯᠠᠬᠤ ᠪᠠ | ᠰᠥᠷᠥᠭᠵᠢᠯ ᠭᠥᠭᠵᠢᠯᠳᠡ ᠶᠢ ᠪᠠᠷᠢᠮᠳᠠᠯᠠᠨ᠂ ᠤᠯᠠᠨ ᠡᠰᠢᠳᠤ ᠭᠥᠭᠵᠢᠯᠳᠡ ᠲᠠᠢ ᠲᠤᠯᠭᠠᠭᠤᠷᠢᠯᠠᠯ ᠠᠵᠤ ᠥᠢᠯᠡᠰ ᠤᠨ | ᠰᠢᠰᠲ᠋ᠧᠮ ᠪᠥᠷᠢᠯᠳᠥᠭᠦᠯᠵᠥ᠂ 2022 ᠤᠨ ᠪᠤᠯᠬᠤ ᠳᠤ ᠠᠵᠤ ᠥᠢᠯᠡᠳᠪᠥᠷᠢ ᠶᠢᠨ ᠥᠢᠯᠡᠳᠪᠥᠷᠢᠯᠡᠯ ᠤᠨ ᠶᠡᠷᠥᠩᠭᠡᠢ | ᠥᠷᠳᠡᠭ ᠢ 500 ᠳ᠋ᠥᠩᠰᠢᠭᠤᠷ ᠲᠥᠭᠦᠷᠢᠭ ᠲᠤ ᠭᠥᠷᠭᠡᠨ᠎ᠡ᠃ ᠲᠤᠮᠤ ᠲᠥᠷᠥᠯ ᠵᠥᠢᠯ ᠢᠶᠠᠷ ᠠᠵᠤ ᠠᠬᠤᠶᠢᠯᠠᠯ | ᠤᠳ ᠢ ᠬᠤᠷᠠᠭᠤᠯᠵᠤ᠂ ᠪᠤᠳᠠᠳᠤ ᠴᠤᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠤᠨ ᠭᠥᠭᠵᠢᠭᠦᠯᠥᠨ᠎ᠡ᠃ ᠠᠵᠤ | ᠥᠢᠯᠡᠰ ᠤᠨ ᠭᠥᠭᠵᠢᠯᠳᠡ ᠶᠢᠨ ᠵᠢᠮ᠎ᠡ ᠶᠤᠰᠤ ᠶᠢ ᠡᠵᠡᠮᠳᠡᠨ᠂ ᠵᠠᠰᠠᠭ ᠵᠠᠬᠢᠷᠭᠠᠨ ᠤ ᠠᠬᠢᠭᠤᠯᠤᠯᠳᠠ ᠪᠠ ᠵᠠᠬ᠎ᠠ | ᠲᠡᠯᠭᠡᠭᠦᠷ ᠤᠨ ᠤᠷᠤᠭᠰᠢᠯᠠᠯᠳᠠ ᠶᠢᠨ ︽ᠬᠤᠶᠠᠷ ᠵᠠᠮ ᠤᠨ ᠲᠠᠪᠰᠢᠯᠳᠠ︾ ᠶᠢ ᠪᠠᠷᠢᠮᠳᠠᠯᠠᠵᠤ᠂ ᠠᠷᠠᠯᠵᠢᠶᠠᠴᠢᠨ | ᠤᠷᠢᠬᠤ ᠵᠠᠮ ᠮᠥᠷ ᠢ ᠰᠢᠯᠤᠭᠤᠳᠬᠠᠨ᠂ ᠭᠤᠤᠯᠳᠠᠯᠭᠠᠳᠤ ᠠᠵᠤ ᠥᠢᠯᠡᠰ ᠪᠤᠯᠤᠨ ᠠᠵᠤ ᠠᠬᠤᠶᠢᠯᠠᠯ ᠤᠳ ᠤᠨ | ᠲᠤᠭᠤᠷᠢᠨ ᠳᠤ ᠨᠢᠭᠡ ᠪᠥᠯᠥᠭ ᠠᠵᠤ ᠥᠢᠯᠡᠰ ᠲᠤ ᠴᠢᠩᠭᠠᠳᠬᠠᠬᠤ ᠨᠥᠭᠦᠪᠥᠷᠢᠯᠡᠭᠦ ᠤᠷᠳᠤᠰᠬᠠᠬᠤ ᠴᠢᠳᠠᠪᠤᠷᠢ | ᠪᠥᠭᠦᠢ ᠲᠥᠷᠥᠯ ᠵᠥᠢᠯ ᠢ ᠢᠳᠡᠪᠬᠢᠳᠡᠢ ᠤᠷᠢᠨ ᠤᠷᠤᠭᠤᠯᠤᠨ᠎ᠠ᠃ ᠢᠨᠲ᠋ᠧᠷ ᠰᠥᠯᠵᠢᠶ᠎ᠡ᠂ ᠨᠡᠶᠢᠳᠭᠡᠯ ᠲᠤᠭ᠎ᠠ | ᠪᠠᠷᠢᠮᠳᠠ ᠪᠤᠯᠤᠨ ᠪᠤᠳᠠᠳᠤ ᠴᠤᠭᠴᠠ ᠶᠢᠨ ᠠᠵᠤ ᠠᠬᠤᠢ ᠶᠢ ᠭᠥᠨᠵᠡᠭᠡᠢ ᠠᠭᠤᠰᠤᠯᠴᠠᠭᠤᠯᠵᠤ᠂ ᠪᠤᠬᠢᠷᠳᠤᠯ ᠥᠭᠡᠢ | ᠬᠤᠷᠤᠭᠳᠠᠯ ᠪᠠᠭᠠᠳᠠᠢ ᠪᠠ ᠬᠠᠮᠳᠤ ᠡᠳ᠋ᠯᠡᠭᠦ ᠠᠵᠤ ᠠᠬᠤᠢ ᠵᠡᠷᠭᠡ ᠭᠥᠷᠢᠶ᠎ᠡ ᠬᠡᠪᠴᠢᠶᠡᠨ ᠳᠤ ᠰᠢᠨ᠎ᠡ ᠨᠡᠮᠡᠭᠳᠡᠯᠳᠡ ᠶᠢᠨ | ᠴᠡᠭ ᠪᠤᠶᠢᠵᠢᠭᠤᠯᠤᠨ᠂ ᠥᠨᠡᠨ ᠭᠦ ᠪᠤᠳᠠᠳᠤ ᠴᠤᠭᠴᠠᠳᠤ ᠡᠵᠡᠩᠨᠡᠯᠳᠡ ᠪᠥᠭᠦᠢ ᠲᠤᠮᠤ ᠲᠥᠷᠥᠯ ᠵᠥᠢᠯ᠂ ᠠᠰᠢᠭᠳᠠᠢ | ᠲᠥᠷᠥᠯ ᠵᠥᠢᠯ ᠢᠶᠠᠷ ᠠᠵᠤ ᠥᠢᠯᠡᠰ ᠤᠨ ᠬᠡᠪᠴᠢᠶ᠎ᠡ ᠶᠢ ᠥᠷᠭᠡᠳᠭᠡᠨ ᠴᠢᠨᠠᠷ ᠢ ᠲᠡᠭᠡᠭᠰᠢᠯᠡᠭᠦᠯᠥᠨ᠎ᠡ᠃ ᠲᠤᠮᠤ | ᠲᠥᠷᠥᠯ ᠵᠥᠢᠯ ᠤᠨ ᠤᠷᠤᠨᠵᠢᠯᠳᠠ ᠬᠡᠷᠡᠭᠵᠢᠭᠦᠯᠥᠯᠳᠡ ᠪᠠᠷ ᠲᠠᠪᠠᠭᠤᠯᠢᠭ ᠠᠵᠤ ᠥᠢᠯᠡᠰ ᠢ ᠲᠡᠰ ᠲᠠᠪᠰᠢᠭᠤᠯᠤᠨ | ᠭᠥᠭᠵᠢᠭᠡᠨ᠎ᠡ᠃ ᠨᠠᠶᠢᠳᠠᠪᠤᠷᠢᠳᠠᠢ ᠠᠪᠴᠠᠯ᠂ ᠠᠰᠢᠳᠠᠢ ᠤᠷᠴᠢᠨ ᠢᠶᠠᠷ ᠱᠠᠨᠳᠥ᠋ᠩ ᠤᠨ ᠡᠨᠧᠷᠬᠢ ᠶᠢᠨ ᠪᠥᠯᠥᠭᠯᠡᠯ ᠤᠨ | ᠱᠧᠩ ᠯᠤ᠋ ᠺᠤᠮᠫᠠᠨᠢ᠂ ᠤᠯᠤᠰ ᠤᠨ ᠴᠠᠬᠢᠯᠭᠠᠨ ᠪᠥᠯᠥᠭᠯᠡᠯ ᠤᠨ ᠱᠤᠸᠠᠩ ᠸᠧᠢ ᠺᠤᠮᠫᠠᠨᠢ᠂ ᠤᠮᠠᠷᠠᠳᠤ ᠶᠢᠨ | ᠬᠤᠯᠪᠤᠭᠠᠳᠤ ᠴᠠᠬᠢᠯᠭᠠᠨ ᠭᠥᠴᠥᠨ ᠤ ᠺᠤᠮᠫᠠᠨᠢ ᠪᠤᠯᠤᠨ ᠱᠧᠨ ᠬᠤᠸᠠ ᠶᠢᠨ ᠤᠯᠤᠰ ᠤᠨ ᠡᠨᠧᠷᠬᠢ ᠶᠢᠨ 4 ᠶᠡᠭᠡ | ᠴᠠᠬᠢᠯᠭᠠᠨ ᠥᠢᠯᠡᠳᠪᠥᠷᠢ ᠶᠢ ᠴᠥᠮ ᠠᠰᠢᠭᠯᠠᠯᠳᠠ ᠳᠤ ᠤᠷᠤᠭᠤᠯᠵᠤ᠂ ᠨᠡᠭᠦᠷᠡᠰᠤᠨ ᠴᠠᠬᠢᠯᠭᠠᠨ ᠤ ᠭᠠᠳᠠᠭᠰᠢ | ᠭᠥᠷᠭᠡᠯᠳᠡ ᠶᠢᠨ ᠬᠡᠪᠴᠢᠶᠡᠵᠢᠯ ᠢ 800 ᠲᠥᠮᠡᠨ ᠺᠢᠯᠤᠸᠠᠲ ᠭᠥᠷᠥᠭᠦᠯᠥᠨ᠂ 9 ᠰᠠᠭᠤᠷᠢ ᠲᠥᠭᠦᠷᠴᠢᠯᠡᠯᠳᠤ | ᠨᠡᠭᠦᠷᠡᠰᠤᠨ ᠠᠭᠤᠷᠬᠠᠢ ᠶᠢ ᠪᠥᠭᠦᠨ ᠢ ᠥᠢᠯᠡᠳᠪᠥᠷᠢᠯᠡᠯ ᠬᠢᠯᠭᠡᠵᠥ᠂ ᠨᠡᠭᠦᠷᠡᠰᠥᠨ ᠤ ᠵᠢᠯ ᠤᠨ ᠥᠢᠯᠡᠪᠥᠷᠢᠯᠡᠯ ᠤᠨ | ᠴᠢᠳᠠᠮᠵᠢ ᠶᠢ 3400 ᠲᠥᠮᠡᠨ ᠲᠤᠨ ᠲᠠᠪᠠᠭᠤᠯᠤᠨ᠂ ᠲᠤᠬᠠᠢ ᠶᠢᠨ ᠭᠠᠵᠠᠷ ᠲᠤ ᠨᠢ ᠬᠤᠪᠢᠷᠠᠭᠤᠯᠬᠤ ᠨᠤᠷᠮ᠎ᠠ ᠶᠢ | 90% ᠥᠩᠭᠡᠷᠡᠭᠦᠯᠵᠥ᠂ ᠨᠡᠭᠦᠷᠡᠰᠤ ᠴᠠᠬᠢᠯᠭᠠᠨ ᠤ ᠬᠤᠯᠪᠤᠭᠠᠳᠤ ᠡᠵᠡᠩᠨᠡᠯᠳᠡ ᠶᠢᠨ ᠴᠤᠭᠴᠠᠵᠢᠭᠰᠠᠨ ᠭᠥᠭᠵᠢᠯᠳᠡ | ᠶᠢᠨ ᠲᠤᠭᠳᠠᠯᠴᠠᠭ᠎ᠠ ᠶᠢ ᠪᠥᠷᠢᠳᠥᠭᠦᠯᠥᠨᠡ᠃ ᠬᠤᠸᠠ ᠰᠢᠩ ᠤᠨ 40 ᠳ᠋ᠥᠩᠰᠢᠭᠤᠷ ᠺᠥᠪ ᠮᠧᠲᠷ ᠤᠨ ᠨᠡᠭᠦᠷᠡᠰᠥᠨ | ᠬᠡᠢ ᠶᠢᠨ ᠲᠥᠷᠥᠯ ᠵᠥᠢᠯ ᠪᠠ 60 ᠲᠥᠮᠡᠨ ᠲᠤᠨ ᠤ ᠨᠡᠭᠦᠷᠡᠰᠥ ᠪᠠᠷ ᠠᠯᠺᠧᠨ ᠥᠢᠯᠡᠳᠭᠦ ᠲᠥᠷᠥᠯ ᠵᠥᠢᠯ ᠢ | ᠠᠰᠢᠭᠯᠠᠯᠳᠠ ᠳᠤ ᠤᠷᠤᠭᠤᠯᠵᠤ᠂ ᠨᠡᠭᠦᠷᠡᠰᠥᠨ ᠤ ᠭᠥᠨᠵᠡᠭᠡᠢ ᠪᠤᠯᠪᠠᠰᠤᠷᠠᠭᠤᠯᠤᠯᠳᠠ ᠶᠢᠨ ᠥᠢᠯᠡᠳᠪᠥᠷᠢᠯᠡᠯ ᠤᠨ | ᠬᠡᠯᠬᠢᠶᠡᠵᠢᠯ ᠢ ᠪᠥᠷᠢᠯᠳᠥᠭᠦᠯᠥᠨ᠂ ᠠᠵᠤ ᠥᠢᠯᠡᠰ ᠢ ᠭᠥᠨᠵᠡᠭᠡᠶᠢᠷᠡᠭᠦᠯᠥᠨ᠂ ᠪᠥᠳᠥᠭᠡᠭᠳᠡᠭᠦᠨ ᠢ ᠨᠠᠷᠢᠯᠢᠭᠵᠢᠭᠤᠯᠵᠤ᠂ | ᠤᠯᠤᠰ ᠤᠨ ᠪᠤᠬᠢᠷᠳᠤᠯ ᠥᠭᠡᠢ ᠡᠨᠧᠷᠭᠢ ᠶᠢᠨ ᠭᠠᠷᠭᠠᠯᠳᠠ ᠶᠢᠨ ᠰᠠᠭᠤᠷᠢᠨ ᠢ ᠴᠤᠭᠴᠠᠯᠠᠨ᠎ᠠ᠃ ᠨᠡᠭᠦᠷᠡᠰᠥᠨ ᠤ ᠪᠤᠰᠤ | ᠠᠵᠤ ᠥᠢᠯᠡᠰ ᠢᠶᠠᠷ ᠭᠤᠤᠯᠳᠠᠯᠭ᠎ᠠ ᠪᠤᠯᠭᠠᠵᠤ᠂ ᠠᠵᠤ ᠥᠢᠯᠡᠳᠪᠥᠷᠢ ᠶᠢᠨ ᠠᠵᠤ ᠠᠬᠤᠢ ᠶᠢ ᠰᠢᠯᠢᠳᠡᠭᠵᠢᠭᠦᠯᠥᠨ | ᠲᠡᠰ ᠲᠠᠪᠰᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠠᠵᠤ ᠥᠢᠯᠡᠰ ᠤᠨ ᠤᠷᠤᠨᠵᠢᠯᠳᠠ ᠶᠢ | ᠢᠳᠡᠪᠬᠢᠳᠡᠢ ᠠᠬᠢᠭᠤᠯᠵᠤ᠂ ᠨᠡᠭᠦᠷᠡᠰᠥᠨ ᠤ ᠪᠤᠰᠤ ᠠᠵᠤ ᠥᠢᠯᠡᠰ ᠤᠨ ᠭᠥᠭᠵᠢᠯᠳᠡ ᠶᠢ ᠲᠥᠷᠭᠡᠳᠭᠡᠨ ᠡᠷᠴᠢ | ᠭᠥᠴᠥᠨ ᠢ ᠨᠢ ᠪᠥᠷᠢᠯᠳᠥᠭᠦᠯᠥᠨ᠎ᠡ᠃ ᠤᠯᠵᠠᠴᠢ ᠪᠠᠯᠭᠠᠰᠤᠨ ᠤ ᠶᠡᠷᠥᠩᠭᠡᠶᠢᠯᠡᠭᠰᠡᠨ ᠠᠵᠤ ᠥᠢᠯᠡᠰ ᠤᠨ ᠭᠥᠷᠢᠶᠡᠯᠡᠩ | ᠲᠤᠭᠤᠷᠢᠭ ᠲᠤᠮᠳᠠ ᠪᠠᠭ᠎ᠠ ᠵᠢᠵᠢᠭ ᠲᠥᠷᠥᠯ ᠵᠥᠢᠯ ᠤᠨ ᠤᠷᠤᠨᠵᠢᠯᠳᠠ ᠳᠤ ᠰᠢᠪᠳᠤᠯᠤᠯᠳᠠ ᠬᠢᠵᠤ᠂ ᠲᠤᠰᠤ ᠭᠡᠢ | ᠪᠤᠯᠤᠨ ᠥᠷᠭᠡᠳᠭᠡᠯ ᠥᠢᠯᠡᠳᠭᠦᠨ ᠤ ᠥᠢᠯᠡᠰ ᠢᠶᠠᠷ ᠭᠤᠤᠯᠯᠠᠭᠤᠯᠤᠭᠰᠠᠨ ᠲᠡᠭᠡᠳᠤ ᠰᠢᠨᠵᠢᠯᠡᠭᠡ ᠮᠡᠷᠭᠡᠵᠢᠯ᠂ ᠤᠷᠴᠢᠨ | ᠬᠠᠮᠭᠠᠯᠠᠯᠳᠠ ᠪᠠ ᠤᠰᠤᠨ ᠤ ᠬᠤᠷᠤᠭᠠᠯᠳᠠ ᠪᠠᠭ᠎ᠠ ᠲᠠᠢ ᠪᠤᠯᠪᠠᠰᠤᠷᠠᠭᠤᠯᠤᠯᠳᠠ ᠬᠤᠪᠢᠷᠠᠭᠤᠯᠤᠯᠳᠠ ᠶᠢᠨ ᠲᠥᠷᠥᠯ | ᠵᠥᠢᠯ ᠢ ᠭᠥᠴᠥᠯᠡᠨ ᠭᠥᠭᠵᠢᠭᠦᠯᠥᠨ᠎ᠡ᠃ ᠱᠠᠩᠬᠠᠢ ᠶᠢᠨ ᠰᠥᠮ᠎ᠡ ᠡᠨᠧᠷᠭᠢ ᠬᠢᠮᠢ ᠶᠢᠨ ᠰᠠᠭᠤᠷᠢᠨ ᠭᠠᠵᠠᠷ ᠲᠤᠮᠤ | ᠲᠥᠷᠥᠯ ᠵᠥᠢᠯ ᠤᠨ ᠪᠠᠶᠢᠭᠤᠯᠤᠯᠳᠠ ᠡᠵᠡᠩᠨᠡᠯᠳᠡ ᠶᠢᠨ ᠲᠤᠭᠤᠷᠢᠨ ᠳᠤ ᠨᠢᠭᠡ ᠰᠢᠷᠢᠰ ᠨᠡᠭᠦᠷᠡᠰᠤ᠂ ᠬᠢᠮᠢ᠂ | ᠴᠠᠬᠢᠯᠭᠠᠨ ᠤ ᠮᠠᠰᠢᠨ ᠲᠤᠨᠤᠭᠯᠠᠯ ᠥᠢᠯᠡᠳᠭᠦ ᠰᠡᠯᠪᠢᠭᠦ ᠲᠥᠭᠦᠷᠴᠢᠯᠡᠭᠰᠡᠨ ᠪᠤᠯᠪᠠᠰᠤᠷᠠᠭᠤᠯᠤᠯ ᠤᠨ ᠲᠥᠷᠥᠯ ᠵᠥᠢᠯ ᠢ | ᠤᠷᠤᠭᠤᠯᠵᠤ᠂ ︽ᠲᠠᠪᠳᠠᠨ ᠥᠢᠯᠡᠳᠭᠦ︾ ᠥᠢᠯᠡᠰ ᠢ ᠰᠢᠪᠳᠤᠯᠤᠯᠳᠠ ᠲᠠᠢ ᠭᠥᠭᠵᠢᠭᠦᠯᠥᠨ᠎ᠡ᠃ ᠪᠠᠶᠢᠭᠠᠯᠢ ᠶᠢᠨ | ᠰᠢᠳᠠᠮᠬᠠᠢ ᠭᠡᠢ ᠶᠢᠨ ᠭᠠᠷᠭᠠᠯᠳᠠ ᠶᠢᠨ ᠴᠢᠳᠠᠮᠵᠢ ᠶᠢ ᠤᠯᠠᠮ ᠲᠡᠭᠡᠭᠰᠢᠯᠡᠭᠦᠯᠥᠨ᠂ ᠰᠢᠳᠡᠮᠠᠬᠠᠢ ᠭᠡᠢ ᠰᠢᠩᠭᠡᠨᠵᠢᠭᠦᠯᠭᠦ | ᠲᠥᠷᠥᠯ ᠵᠥᠢᠯ ᠪᠠ ᠲᠥᠭᠦᠷᠴᠢᠯᠡᠭᠰᠡᠨ ᠲᠠᠮᠵᠢᠭᠤᠯᠬᠤ ᠵᠠᠮ ᠬᠤᠭᠤᠯᠠᠢ ᠶᠢᠨ ᠪᠠᠶᠢᠭᠤᠯᠤᠯᠳᠠ ᠶᠢ ᠭᠡᠷᠡᠭᠵᠢᠭᠦᠯᠵᠤ᠂ | 2022 ᠤᠨ ᠪᠤᠯᠬᠤ ᠳᠤ ᠪᠠᠶᠢᠭᠠᠯᠢ ᠶᠢᠨ ᠰᠢᠳᠠᠮᠠᠬᠠᠢ ᠭᠡᠢ ᠶᠢᠨ ᠭᠠᠷᠤᠯᠳᠠ ᠶᠢᠨ ᠭᠡᠮᠵᠢᠶ᠎ᠡ ᠶᠢ 60 ᠳ᠋ᠥᠩᠰᠢᠭᠤᠷ | ᠺᠥᠪ ᠮᠧᠲᠷ᠂ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠭᠡᠢ ᠶᠢᠨ ᠶᠡᠷᠥᠩᠭᠡᠢ ᠬᠡᠪᠴᠢᠶᠡᠵᠢᠯ ᠢ 200 | ᠲᠥᠮᠡᠨ ᠲᠤᠨ ᠭᠥᠷᠭᠡᠨ᠎ᠡ᠃ ᠰᠠᠯᠬᠢᠨ ᠴᠠᠬᠢᠯᠭᠠᠨ᠂ ᠨᠠᠷᠠᠨ ᠴᠠᠬᠢᠯᠭᠠᠨ ᠪᠤᠯᠤᠨ ᠠᠮᠢᠳᠤ ᠪᠤᠳᠠᠰ ᠤᠨ ᠰᠤᠷᠪᠤᠯᠵᠢᠳᠤ | ᠴᠠᠬᠢᠯᠭᠠᠨ ᠭᠠᠷᠭᠠᠯᠳᠠ ᠶᠢᠨ ᠰᠢᠨ᠎ᠡ ᠡᠨᠧᠷᠬᠢ ᠨᠦᠭᠦᠳ ᠢ ᠢᠳᠡᠪᠬᠢᠳᠡᠢ ᠭᠥᠭᠵᠢᠭᠦᠯᠵᠤ᠂ ᠴᠠᠬᠢᠯᠭᠠᠨ ᠭᠥᠷᠭᠡᠯᠳᠡ ᠶᠢᠨ | ᠵᠠᠮ ᠱᠤᠭᠤᠮ ᠢ ᠠᠰᠢᠭᠯᠠᠨ᠂ ᠰᠢᠨ᠎ᠡ ᠡᠨᠧᠷᠬᠢ ᠶᠢᠨ ᠭᠠᠳᠠᠭᠰᠢ ᠭᠥᠷᠭᠡᠯᠳᠡ ᠶᠢ ᠠᠬᠢᠭᠤᠯᠵᠤ᠂ 2022 ᠤᠨ | ᠪᠤᠯᠬᠤ ᠳᠤ ᠰᠢᠨ᠎ᠡ ᠡᠨᠧᠷᠭᠢ ᠶᠢᠨ ᠮᠠᠰᠢᠨ ᠴᠤᠭᠴᠠᠯᠠᠪᠤᠷᠢ ᠶᠢᠨ ᠶᠡᠷᠥᠩᠭᠡᠢ ᠬᠡᠪᠴᠢᠶᠡᠵᠢᠯ ᠢ 200 ᠲᠥᠮᠡᠨ | ᠺᠢᠯᠤᠸᠠᠲ ᠲᠠᠪᠠᠭᠤᠯᠵᠤ᠂ ᠪᠥᠳᠥᠴᠡ ᠶᠢᠨ ᠴᠢᠨᠠᠷᠳᠤ ᠨᠡᠮᠡᠭᠳᠡᠯ ᠤᠨ ᠰᠢᠨ᠎ᠡ ᠵᠠᠮ ᠮᠥᠷ ᠢ ᠲᠠᠰᠤᠷᠠᠯᠳᠠ ᠥᠭᠡᠢ | ᠡᠷᠢᠯᠬᠢᠯᠡᠨ᠂ ᠡᠬᠢ ᠰᠤᠷᠪᠤᠯᠵᠢ ᠳᠤ ᠲᠥᠰᠢᠭᠯᠡᠭᠰᠡᠨ ᠬᠡᠯᠪᠡᠷᠢ ᠶᠢᠨ ᠠᠵᠤ ᠥᠢᠯᠡᠰ ᠤᠨ ᠬᠢᠵᠠᠭᠠᠷᠯᠠᠯ ᠭᠥᠯᠢᠶᠡᠰᠥᠯᠡᠯ | ᠠᠴᠠ ᠠᠯᠬᠤᠮ ᠠᠯᠬᠤᠮ ᠢᠶᠠᠷ ᠮᠤᠯᠳᠤᠷᠠᠨ ᠭᠠᠷᠤᠨ᠎ᠠ᠃ | ︽ᠲᠡᠰ ᠲᠠᠪᠰᠢᠭᠤᠯᠤᠨ ᠴᠢᠨᠠᠷ ᠰᠠᠶᠢᠵᠢᠷᠠᠭᠤᠯᠬᠤ︾ ᠢᠨᠵᠧᠨᠧᠷᠢᠩ ᠢ ᠭᠡᠷᠡᠭᠵᠢᠭᠦᠯᠥᠨ᠂ ᠤᠳᠤ ᠥᠶ᠎ᠡ | ᠶᠢᠨ ᠥᠢᠯᠡᠴᠢᠯᠡᠭᠡᠨ ᠤ ᠥᠢᠯᠡᠰ ᠤᠨ ᠵᠤᠬᠢᠴᠠᠩᠭᠤᠢ ᠭᠥᠭᠵᠢᠯᠳᠡ ᠶᠢ ᠠᠬᠢᠭᠤᠯᠤᠨ᠎ᠠ᠃ ᠨᠤᠳᠤᠭ ᠰᠤᠶᠤᠯ ᠤᠨ | ᠪᠠᠭ᠋ᠠᠷᠬᠠᠯ᠂ ᠪᠠᠶᠢᠭᠠᠯᠢ ᠠᠬᠤᠢ ᠶᠢᠨ ᠥᠵᠡᠮᠵᠢ ᠪᠠ ᠥᠪ ᠤᠯᠠᠮᠵᠢᠯᠠᠯ ᠤᠨ ᠰᠤᠳᠤᠨ ᠳᠤ ᠰᠠᠭᠤᠷᠢᠯᠠᠨ᠂ ᠪᠥᠭᠦ | ᠴᠠᠷᠠᠭᠠᠨ ᠤ ᠵᠢᠭᠤᠯᠴᠢᠯᠠᠯ ᠤᠨ ᠠᠭᠤᠰᠤᠯᠴᠠᠯ ᠲᠠᠶᠢᠴᠢᠯᠠᠯ ᠢᠶᠠᠷ ᠤᠳᠤ ᠥᠶ᠎ᠡ ᠶᠢᠨ ᠥᠢᠯᠡᠴᠢᠯᠡᠭᠡᠨ ᠤ ᠥᠢᠯᠡᠰ ᠤᠨ | ᠥᠷᠢᠰᠥᠯᠳᠡ ᠳᠤ ᠪᠠᠳᠤ ᠪᠠᠶᠢᠷᠢ ᠡᠵᠡᠯᠡᠨ᠎ᠡ᠃ ᠪᠥᠭᠦ ᠴᠠᠷᠠᠭᠠᠨ ᠤ ᠵᠢᠭᠤᠯᠴᠢᠯᠠᠯ ᠢ ᠠᠬᠢᠭᠤᠯᠤᠨ ᠲᠡᠰ | ᠲᠠᠪᠰᠢᠭᠤᠯᠤᠨ ᠴᠢᠨᠠᠷ ᠰᠠᠶᠢᠵᠢᠷᠠᠭᠤᠯᠤᠨ᠎ᠠ᠃ ᠤᠷᠤᠨ ᠠᠯᠤᠰᠯᠠᠭᠰᠠᠨ ᠵᠢᠭᠤᠯᠴᠢᠯᠠᠯ ᠤᠨ ᠬᠠᠮᠳᠤᠷᠠᠯ ᠢ ᠰᠢᠨᠡᠴᠢᠯᠡᠵᠥ᠂ | ᠨᠢᠩᠰᠢᠶᠠ ᠶᠢᠨ ᠵᠢᠭᠤᠯᠴᠢᠯᠠᠯ ᠤᠨ ᠲᠤᠭᠤᠷᠢᠭ ᠪᠤᠯᠤᠨ ᠲᠤᠷᠭᠠᠨ ᠵᠠᠮ ᠤᠨ ᠵᠢᠭᠤᠯᠴᠢᠯᠠᠯ ᠤᠨ ᠬᠤᠳᠠ ᠪᠠᠯᠭᠠᠰᠤᠨ | ᠤ ᠬᠤᠯᠪᠤᠭᠠᠨ ᠳᠤ ᠰᠠᠨᠠᠭᠠᠴᠢᠯᠠᠭᠠᠳᠠᠢ ᠪᠠᠭᠳᠠᠯᠴᠠᠨ᠂ ᠵᠥᠷᠢᠶᠠᠨᠳᠤ ᠭᠥᠭᠵᠢᠯᠳᠡ ᠪᠤᠯᠤᠨ ᠠᠳᠠᠯᠢ ᠪᠤᠰᠤ ᠰᠤᠶᠤᠯ ᠤᠨ | ᠲᠠᠳᠠᠬᠤ ᠭᠥᠴᠥᠨ ᠢ ᠪᠠᠳᠠᠷᠠᠭᠤᠯᠵᠤ᠂ ᠵᠢᠭᠤᠯᠴᠢᠯᠠᠯ ᠤᠨ ᠶᠡᠷᠥᠩᠭᠡᠢ ᠲᠥᠯᠥᠪᠵᠢᠭᠦᠯᠭᠡ ᠪᠠᠨ ᠲᠡᠭᠦᠯᠳᠡᠷᠵᠢᠭᠦᠯᠥᠨ᠎ᠡ᠃ | ᠬᠤᠰᠢᠭᠤᠨ ᠤ ᠰᠤᠶᠤᠯ ᠵᠢᠭᠤᠯᠴᠢᠯᠠᠯ ᠤᠨ ᠪᠥᠯᠥᠭᠯᠡᠯ ᠤᠨ ᠪᠡᠯᠡ ᠬᠤᠷᠠᠮᠳᠤᠭᠤᠯᠬᠤ᠂ ᠠᠷᠠᠯᠵᠢᠶᠠᠴᠢᠨ ᠤᠷᠢᠬᠤ᠂ | ᠡᠵᠡᠩᠨᠡᠯᠳᠡ ᠬᠢᠭᠦ ᠲᠠᠪᠴᠠᠩ ᠤᠨ ᠥᠢᠯᠡᠳᠤᠯ ᠢ ᠭᠥᠢᠴᠡᠳ ᠪᠠᠳᠠᠷᠠᠭᠤᠯᠤᠨ᠂ ᠬᠤᠰᠢᠭᠤ ᠨᠤᠳᠤᠭ ᠤᠨ ᠢᠶᠠᠨ | ᠵᠢᠭᠤᠯᠴᠢᠯᠠᠯ ᠤᠨ ᠡᠬᠢ ᠰᠤᠷᠪᠤᠯᠵᠢ ᠶᠢ ᠰᠢᠯᠢᠳᠡᠭᠵᠢᠭᠦᠯᠥᠨ ᠴᠡᠭᠴᠡᠵᠢᠭᠦᠯᠵᠥ ᠠᠮᠢᠳᠤᠯᠢᠭᠵᠢᠭᠤᠯᠤᠭᠠᠳ᠂ ᠨᠡᠶᠢᠭᠡᠮ | ᠤᠨ ᠪᠡᠯᠡ ᠶᠢ ᠲᠠᠳᠠᠵᠤ ᠤᠷᠤᠯᠴᠠᠭᠤᠯᠤᠨ᠂ ᠪᠠᠶᠠᠨ ᠰᠢᠪᠡᠷ ᠤᠨ ᠴᠠᠶᠢᠳᠠᠮ ᠪᠤᠯᠤᠨ ᠡᠯᠡᠰᠤ ᠮᠠᠩᠬᠠᠨ ᠤ ᠶᠡᠭᠡ | ᠬᠠᠪᠴᠢᠯ ᠢ ᠨᠡᠭᠡᠭᠡᠨ ᠭᠥᠭᠵᠢᠭᠦᠯᠵᠥ᠂ ᠤᠯᠠᠮᠵᠢᠯᠠᠳᠤ ᠥᠵᠡᠮᠵᠢ ᠶᠢᠨ ᠤᠷᠤᠨ ᠤ ᠲᠡᠰ ᠲᠠᠪᠬᠤᠷᠭ᠎ᠠ ᠶᠢ | ᠲᠡᠭᠡᠭᠰᠢᠯᠡᠭᠦᠯᠥᠨ᠂ ᠠᠮᠢ ᠠᠬᠤᠢ᠂ ᠰᠤᠶᠤᠯ ᠠᠬᠤᠢ᠂ ᠥᠢᠯᠡᠰ ᠠᠬᠤᠢ ᠠᠭᠤᠰᠤᠯᠴᠠᠭᠰᠠᠨ ᠤᠨᠴᠠᠯᠢᠭ ᠲᠤᠪᠤᠶᠢᠮ᠎ᠠ | ᠵᠢᠭᠤᠯᠴᠢᠯᠠᠯ ᠤᠨ ᠤᠷᠤᠨ ᠨᠤᠭᠤᠳ ᠢ ᠴᠤᠭᠴᠠᠯᠠᠨ᠎ᠠ᠃ ᠠᠵᠢᠯ ᠲᠥᠷᠥᠯ ᠤᠨ ᠪᠠᠷᠢᠮᠵᠢᠶ᠎ᠠ ᠪᠤᠯᠤᠨ ᠲᠥᠷᠢᠮᠵᠢᠯ ᠢ | ᠲᠡᠭᠦᠯᠳᠡᠷᠵᠢᠭᠦᠯᠥᠨ᠂ ᠵᠢᠭᠤᠯᠴᠢᠯᠠᠯ ᠤᠨ ᠥᠢᠯᠡᠰ ᠤᠨ ᠪᠠᠷᠢᠮᠵᠢᠶᠠᠳᠤ ᠪᠠᠶᠢᠭᠤᠯᠤᠯᠳᠠ ᠶᠢ ᠠᠬᠢᠭᠤᠯᠵᠤ᠂ ᠵᠢᠭᠤᠯᠴᠢᠯᠠᠯ | ᠤᠨ ᠲᠠᠭᠤᠷᠢᠶᠠᠯ ᠭᠠᠴᠠᠭ᠎ᠠ ᠲᠤᠰᠬᠤᠨ ᠢ 10᠂ ᠤᠳᠤᠨ ᠲᠡᠰ ᠤᠨ ᠮᠠᠯᠴᠢᠨ ᠠᠶᠢᠯ ᠤᠨ ᠵᠤᠭᠠᠴᠠᠯ ᠲᠠᠷᠢᠶᠠᠴᠢᠨ | ᠡᠷᠥᠭᠡ ᠶᠢᠨ ᠪᠠᠶᠠᠰᠤᠯ ᠢ 100 ᠪᠠᠶᠢᠭᠤᠯᠤᠨ᠂ ᠥᠢᠯᠡᠳᠪᠥᠷᠢᠯᠡᠯ ᠠᠮᠢᠳᠤᠷᠠᠯ ᠠᠷᠠᠯᠵᠢᠶ᠎ᠠ ᠶᠢ ᠨᠡᠶᠢᠳᠭᠡᠭᠰᠡᠨ ︽ | ᠪᠠᠶᠠᠰᠤᠯᠳᠤ ᠮᠠᠯᠵᠢᠯ ᠤᠨ ᠲᠠᠯᠠᠪᠠᠢ︾ ᠭᠥᠳᠡᠭᠡ ᠨᠤᠳᠤᠭ ᠤᠨ ᠵᠢᠭᠤᠯᠴᠢᠯᠠᠯ ᠤᠨ ᠨᠡᠷᠡᠳᠤ ᠲᠡᠮᠳᠡᠭ ᠢ | ᠠᠯᠳᠠᠷᠰᠢᠭᠤᠯᠤᠨ᠎ᠠ᠃ ᠤᠨᠴᠠᠯᠢᠭᠳᠤ ᠬᠤᠳᠠ ᠪᠠᠯᠭᠠᠰᠤ ᠪᠠ ᠥᠵᠡᠰᠭᠦᠯᠡᠩᠳᠤ ᠭᠥᠳᠡᠭᠡ ᠨᠤᠳᠤᠭ ᠤᠨ ᠥᠵᠡᠮᠵᠢ ᠶᠢᠨ | ᠪᠥᠰᠡ ᠶᠢ ᠨᠢᠭᠡᠳᠥᠯᠳᠡᠢ ᠲᠥᠯᠥᠪᠵᠢᠭᠦᠯᠥᠨ ᠪᠠᠶᠢᠭᠤᠯᠵᠤ᠂ ᠬᠤᠳᠠ ᠪᠠᠯᠭᠠᠰᠤ ᠂ ᠭᠥᠳᠡᠭᠡ ᠨᠤᠳᠤᠭ᠂ ᠠᠶᠢᠯ ᠡᠷᠥᠭᠡ | ᠨᠢ ᠪᠥᠭᠦᠶᠢᠯᠡ ᠴᠤᠭᠴᠠ ᠪᠠᠷ ᠢᠶᠠᠨ ᠥᠵᠡᠮᠵᠢ ᠭᠥᠭᠵᠢᠯᠳᠡ ᠲᠠᠢ ᠪᠤᠯᠤᠭᠰᠠᠨ ᠵᠢᠭᠤᠯᠴᠢᠯᠠᠯ ᠤᠨ ᠶᠡᠷᠥᠩᠭᠡᠢ ᠴᠤᠭᠴᠠ | ᠶᠢ ᠪᠥᠷᠢᠳᠥᠯᠥᠨᠡ᠃ ︽1 + 6︾ ᠬᠤᠪᠢᠰᠬᠠᠯᠳᠤ ᠭᠥᠮᠥᠵᠢᠯ ᠤᠨ ᠰᠠᠭᠤᠷᠢᠨ ᠤ ᠲᠠᠶᠢᠴᠢᠯᠠᠨ ᠲᠠᠭᠠᠭᠤᠯᠬᠤ | ᠥᠢᠯᠡᠳᠥᠯ ᠢ ᠨᠡᠩ ᠪᠠᠳᠠᠷᠠᠭᠤᠯᠵᠤ᠂ ᠤᠷᠤᠨ ᠵᠠᠢ ᠪᠥᠷᠢᠨ ᠵᠠᠯᠭᠠᠯᠳᠤᠭᠰᠠᠨ᠂ ᠴᠢᠳᠠᠮᠵᠢ ᠲᠥᠭᠦᠷᠴᠢᠯᠡᠯ ᠪᠥᠷᠢᠳᠥᠭᠰᠡᠨ | ᠂ ᠬᠠᠮᠢᠶᠠᠷᠤᠯᠳᠠ ᠨᠢᠭᠡᠳᠥᠯᠳᠡᠢ ᠰᠢᠯᠤᠭᠤᠳᠤᠭᠰᠠᠨ ᠵᠢᠭᠤᠯᠴᠢᠯᠠᠯ ᠤᠨ ᠲᠤᠮᠤ ᠲᠤᠭᠤᠷᠢᠭ ᠪᠤᠯᠭᠠᠵᠤ ᠪᠠᠶᠢᠭᠤᠯᠤᠨ᠂ | ᠵᠢᠭᠤᠯᠴᠢᠯᠠᠯ ᠤᠨ ᠥᠢᠯᠡᠰ ᠤᠨ ᠭᠤᠤᠯᠯᠠᠯᠴᠢ ᠥᠷᠢᠰᠭᠦ ᠭᠥᠴᠥᠨ ᠢ ᠨᠢ ᠲᠠᠮᠢᠷᠵᠢᠭᠤᠯᠵᠤ᠂ ᠤᠯᠤᠰ ᠤᠨ 4A ᠲᠡᠰ | ᠤᠨ ᠵᠢᠭᠤᠯᠴᠢᠯᠠᠯ ᠤᠨ ᠤᠷᠤᠨ ᠪᠤᠯᠭᠠᠬᠤ ᠪᠠᠷ ᠲᠡᠮᠡᠴᠡᠨ᠂ ᠡᠷᠥᠭᠡ ᠳᠤ ᠬᠤᠨᠤᠭᠯᠠᠬᠤ ᠪᠠ ᠪᠡᠶᠡᠴᠢᠯᠡᠨ ᠤᠶᠢᠯᠠᠭᠠᠬᠤ | ᠠᠵᠤ ᠠᠬᠤᠢ ᠶᠢᠨ ᠭᠥᠭᠵᠢᠯᠳᠡ ᠶᠢ ᠠᠬᠢᠭᠤᠯᠤᠨ᠎ᠠ᠃ ᠤᠯᠤᠰ ᠤᠨ ᠪᠥᠭᠦ ᠴᠠᠷᠠᠭᠠᠨ ᠤ ᠵᠢᠭᠤᠯᠴᠢᠯᠠᠯ ᠤᠨ ᠵᠢᠱᠢᠶᠡᠴᠢ | ᠬᠤᠰᠢᠭᠤ ᠶᠢ ᠴᠤᠭᠴᠠᠯᠠᠵᠤ᠂ ᠵᠢᠭᠤᠯᠴᠢᠯᠠᠯ ᠤᠨ ᠥᠢᠯᠡᠰ ᠢᠶᠠᠷ ᠪᠥᠭᠦ ᠠᠵᠤ ᠥᠢᠯᠡᠰ ᠢ ᠲᠠᠶᠢᠴᠢᠯᠠᠨ᠂ ᠥᠵᠡᠮᠵᠢ | ᠪᠥᠭᠦ ᠴᠠᠷᠠᠭᠠᠨ ᠳᠤ ᠭᠤᠶᠤᠵᠢᠭᠰᠠᠨ᠂ ᠥᠢᠯᠡᠴᠢᠯᠡᠭᠡ ᠪᠥᠭᠦ ᠴᠠᠷᠠᠭᠠᠨ ᠳᠤ ᠲᠥᠭᠦᠷᠵᠢᠭᠰᠡᠨ᠂ ᠵᠠᠰᠠᠯᠳᠠ ᠪᠥᠭᠦ | ᠴᠠᠷᠠᠭᠠᠨ ᠳᠤ ᠭᠥᠷᠥᠭᠰᠡᠨ᠂ ᠥᠢᠯᠡᠰ ᠪᠥᠭᠦ ᠴᠠᠷᠠᠭᠠᠨ ᠳᠤ ᠬᠤᠯᠪᠤᠭᠠᠯᠠᠭᠰᠠᠨ᠂ ᠪᠥᠳᠥᠮᠵᠢ ᠪᠥᠭᠦ ᠠᠷᠠᠳ ᠲᠤ | ᠡᠳ᠋ᠯᠡᠭᠳᠡᠭᠰᠡᠨ ᠰᠢᠨ᠎ᠡ ᠲᠤᠭᠳᠠᠴᠠ ᠶᠢ ᠪᠥᠷᠢᠳᠥᠭᠦᠯᠥᠨᠡ᠃ ᠠᠷᠠᠯᠵᠢᠶ᠎ᠠ ᠪᠤᠳᠠᠰ ᠤᠨ ᠭᠥᠢᠯᠭᠡᠭᠡ ᠶᠢ ᠲᠡᠰ | ᠲᠠᠪᠰᠢᠭᠤᠯᠤᠨ ᠴᠢᠨᠠᠷ ᠰᠠᠶᠢᠵᠢᠷᠠᠭᠤᠯᠤᠨ᠎ᠠ᠃ ᠤᠯᠵᠠᠴᠢ ᠪᠠᠯᠭᠠᠰᠤ ᠪᠤᠯᠤᠨ ᠱᠠᠩᠬᠠᠢ ᠶᠢᠨ ᠰᠥᠮ᠎ᠡ ᠪᠠᠯᠭᠠᠰᠤᠨ ᠤ | ᠪᠤᠳᠠᠰ ᠤᠨ ᠭᠥᠢᠯᠭᠡᠭᠡ ᠶᠢᠨ ᠭᠥᠷᠢᠶᠡᠯᠡᠩ ᠲᠤᠭᠤᠷᠢᠭ ᠤᠨ ᠪᠠᠶᠢᠭᠤᠯᠤᠯᠳᠠ ᠶᠢ ᠲᠥᠷᠭᠡᠳᠭᠡᠵᠥ᠂ ᠨᠡᠭᠦᠷᠡᠰᠥᠨ ᠤ | ᠵᠥᠭᠡᠭᠡᠪᠥᠷᠢᠯᠡᠯᠳᠡ ᠪᠠᠷ ᠭᠤᠤᠯᠯᠠᠭᠤᠯᠵᠤ ᠨᠡᠭᠦᠷᠡᠰᠥᠨ ᠬᠢᠮᠢ ᠶᠢᠨ ᠪᠥᠳᠥᠭᠡᠭᠳᠡᠭᠦᠨ ᠪᠠ ᠪᠠᠷᠢᠯᠭ᠎ᠠ ᠶᠢᠨ ᠮᠠᠲ᠋ᠧᠷᠢᠶᠠᠯ | ᠵᠥᠭᠡᠭᠡᠪᠥᠷᠢᠯᠡᠭᠦ ᠶᠢ ᠬᠠᠪᠰᠤᠷᠭᠠᠨ᠂ ᠪᠠᠷᠠᠭ᠎ᠠ ᠵᠥᠭᠡᠭᠡᠪᠥᠷᠢ᠂ ᠠᠷᠠᠯᠵᠢᠶ᠎ᠠ ᠥᠢᠯᠡᠴᠢᠯᠡᠭᠡ ᠪᠠ ᠥᠢᠯᠡᠳᠪᠥᠷᠢᠯᠡᠯ ᠤᠨ | ᠥᠢᠯᠡᠴᠢᠯᠡᠭᠡ ᠶᠢ ᠢᠵᠢ ᠴᠤᠭᠴᠠᠵᠢᠭᠤᠯᠤᠭᠰᠠᠨ ᠶᠡᠷᠥᠩᠭᠡᠶᠢᠯᠡᠭᠰᠡᠨ ᠪᠤᠳᠠᠰ ᠤᠨ ᠭᠥᠢᠯᠭᠡᠭᠡ ᠶᠢᠨ ᠭᠥᠷᠢᠶᠡᠯᠡᠩ | ᠲᠤᠭᠤᠷᠢᠭ ᠢ ᠪᠠᠶᠢᠭᠤᠯᠵᠤ᠂ ᠠᠷᠠᠯᠵᠢᠶ᠎ᠠ ᠪᠤᠳᠠᠰ ᠤᠨ ᠭᠥᠢᠯᠭᠡᠭᠡᠨ ᠤ ᠥᠢᠯᠡᠴᠢᠯᠡᠭᠡ ᠶᠢᠨ ᠲᠤᠰᠬᠠᠶᠢᠴᠢᠯᠠᠭᠰᠠᠨ᠂ | ᠵᠠᠩᠬᠢᠴᠢᠯᠠᠭᠰᠠᠨ᠂ ᠬᠡᠪᠴᠢᠶᠡᠵᠢᠭᠰᠡᠨ ᠭᠥᠭᠵᠢᠯᠳᠡ ᠶᠢ ᠠᠬᠢᠭᠤᠯᠤᠨ᠎ᠠ︔ ᠢᠨᠲ᠋ᠧᠷ ᠰᠥᠯᠵᠢᠶᠡᠨ ᠤ ᠠᠵᠤ ᠠᠬᠤᠢ ᠶᠢᠨ | ᠭᠥᠭᠵᠢᠯᠳᠡ ᠶᠢ ᠲᠥᠷᠭᠡᠳᠭᠡᠨ᠂ ᠭᠠᠳᠠᠨ᠎ᠠ ᠠᠴᠠ ᠤᠷᠤᠭᠤᠯᠬᠤ ᠪᠠ ᠨᠤᠳᠤᠭ ᠲᠤ ᠪᠠᠨ ᠪᠤᠶᠢᠵᠢᠭᠤᠯᠬᠤ ᠶᠢ | ᠤᠶᠠᠯᠳᠤᠭᠤᠯᠤᠨ᠂ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠪᠠ ᠰᠥᠯᠵᠢᠶᠡᠨ ᠠᠷᠠᠯᠵᠢᠶᠠᠨ ᠤ ᠨᠡᠶᠢᠳᠡ ᠶᠢᠨ | ᠥᠢᠯᠡᠴᠢᠯᠡᠭᠡ ᠶᠢᠨ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠵᠤ᠂ ᠰᠥᠯᠵᠢᠶᠠᠨ ᠠᠷᠠᠯᠵᠢᠶᠠᠨ ᠤ ᠨᠠᠷᠠᠳᠤ ᠠᠵᠤ | ᠠᠬᠤᠶᠢᠯᠠᠯ ᠢ ᠤᠷᠢᠨ ᠠᠪᠴᠢᠷᠠᠵᠤ ᠨᠤᠳᠤᠭᠰᠢᠭᠤᠯᠤᠨ᠂ ᠪᠤᠳᠠᠰ ᠤᠨ ᠬᠤᠯᠪᠤᠭ᠎ᠠ ᠭᠥᠢᠯᠭᠡᠭᠡ ᠶᠢᠨ ᠵᠠᠬ᠎ᠠ ᠲᠡᠯᠭᠡᠭᠦᠷ ᠢ | ᠥᠷᠭᠡᠳᠭᠡᠨ᠎ᠡ᠃ ᠰᠢᠨ᠎ᠡ ᠭᠡᠯᠪᠡᠷᠢ ᠶᠢᠨ ᠭᠡᠷᠡᠭᠯᠡᠭᠡ ᠶᠢ ᠲᠡᠰ ᠲᠠᠪᠰᠢᠭᠤᠯᠤᠨ ᠴᠢᠨᠠᠷ ᠰᠠᠶᠢᠵᠢᠷᠠᠭᠤᠯᠤᠨ᠎ᠠ᠃ ᠬᠡᠷᠡᠭᠯᠡᠭᠡᠨ | ᠤ ᠱᠠᠭᠠᠷᠳᠠᠯᠭ᠎ᠠ ᠶᠢ ᠥᠷᠭᠡᠳᠭᠡᠭᠦ ᠤᠷᠳᠤ ᠬᠤᠭᠤᠴᠠᠭᠠᠨ ᠤ ᠪᠥᠳᠥᠮᠵᠢᠳᠤ ᠲᠤᠭᠳᠠᠴᠠ ᠪᠥᠷᠢᠳᠥᠭᠦᠯᠥᠨ᠂ ᠨᠡᠷᠡᠳᠤ | ᠲᠡᠮᠳᠡᠭ ᠤᠨ ᠠᠷᠠᠯᠵᠢᠶᠠᠨ ᠤ ᠠᠵᠤ ᠠᠬᠤᠶᠢᠯᠠᠯ ᠢ ᠢᠳᠡᠪᠬᠢᠳᠡᠢ ᠤᠷᠢᠵᠤ᠂ ᠰᠡᠯᠡᠭᠦᠴᠡᠯ ᠡᠷᠡᠭᠦᠯᠵᠢᠯ ᠨᠠᠰᠤᠵᠢᠯ ᠪᠤᠯᠤᠨ | ᠰᠤᠷᠠᠭ ᠵᠠᠩᠬᠢ ᠶᠢᠨ ᠬᠡᠷᠡᠭᠯᠡᠭᠡ ᠵᠡᠷᠭᠡ ᠰᠢᠨ᠎ᠡ ᠠᠵᠢᠯ ᠲᠥᠷᠥᠯ ᠢ ᠪᠤᠶᠢᠵᠢᠭᠤᠯᠤᠨ᠂ ᠨᠡᠷ᠎ᠡ ᠠᠯᠳᠠᠷᠰᠢᠯ ᠢ ᠲᠥᠭᠡᠭᠡᠵᠥ | ᠬᠡᠷᠡᠭᠯᠡᠭᠡ ᠶᠢ ᠲᠠᠶᠢᠴᠢᠯᠠᠭᠰᠠᠨ ᠰᠢᠨ᠎ᠡ ᠠᠵᠤ ᠥᠢᠯᠡᠰ ᠤᠨ ᠲᠤᠭᠳᠠᠴᠠ ᠢ ᠴᠤᠭᠴᠠᠯᠠᠨ᠎ᠡ︔ ᠠᠵᠢᠯᠳᠠᠳ ᠤᠨ ᠴᠠᠯᠢᠩ | ᠲᠠᠢ ᠠᠮᠠᠷᠠᠯᠳᠠ ᠪᠤᠯᠤᠨ ᠵᠤᠨ ᠤ ᠤᠯᠠᠷᠢᠯ ᠤᠨ 2.5 ᠡᠳᠥᠷ ᠤᠨ ᠭᠠᠷᠠᠭ ᠤᠨ ᠰᠡᠭᠦᠯᠴᠢ ᠶᠢᠨ ᠡᠭᠡᠯᠵᠢᠯᠡᠨ ᠠᠮᠠᠷᠠᠬᠤ | ᠲᠤᠭᠳᠠᠭᠠᠯ ᠢ ᠰᠠᠶᠢᠳᠤᠷ ᠨᠠᠶᠢᠳᠠᠪᠤᠷᠢᠵᠢᠭᠤᠯᠵᠤ᠂ ᠰᠡᠯᠡᠭᠦᠴᠡᠯ ᠵᠢᠭᠤᠯᠴᠢᠯᠠᠯ ᠤᠨ ᠬᠡᠷᠡᠭᠯᠡᠭᠡ ᠶᠢ ᠲᠠᠶᠢᠴᠢᠯᠠᠨ᠎ᠠ᠃ | ᠮᠥᠩᠭᠦᠨ ᠭᠥᠢᠯᠭᠡᠭᠡᠨ ᠤ ᠤᠬᠢ ᠰᠠᠶᠢᠨ ᠵᠢᠷᠤᠮᠵᠢᠯ ᠢ ᠲᠤᠭᠳᠠᠭᠠᠵᠤ᠂ ᠢᠳᠡᠭᠡᠮᠵᠢ ᠶᠢᠨ ᠬᠡᠷᠡᠭᠯᠡᠭᠡᠨ ᠤ ᠤᠷᠴᠢᠨ ᠢ | ᠰᠠᠶᠢᠵᠢᠷᠠᠭᠤᠯᠤᠨ᠂ ᠤᠯᠤᠰ ᠤᠨ ᠥᠮᠴᠢᠯᠡᠯᠳᠤ ᠠᠷᠠᠯᠵᠢᠶᠠᠨ ᠤ ᠪᠠᠩᠬᠢ ᠪᠤᠯᠤᠨ ᠬᠤᠪᠢ ᠤᠷᠤᠭᠤᠯᠤᠭᠰᠠᠨ ᠲᠥᠷᠢᠮᠳᠤ | ᠪᠠᠩᠬᠢ ᠶᠢᠨ ᠮᠠᠨ ᠤ ᠬᠤᠰᠢᠭᠤᠨ ᠳᠤ ᠰᠠᠯᠪᠤᠷᠢ ᠪᠠᠩᠬᠢ ᠪᠠᠶᠢᠭᠤᠯᠬᠤ ᠶᠢ ᠢᠳᠡᠪᠬᠢᠳᠡᠢ ᠤᠷᠢᠵᠤ᠂ ᠪᠠᠩᠬᠢ ᠶᠢᠨ | ᠥᠢᠯᠡᠰ ᠬᠢᠭᠡᠳ ᠲᠠᠭᠠᠳᠬᠠᠯ ᠤᠨ ᠰᠠᠯᠠᠭ᠎ᠠ ᠮᠥᠴᠢᠷ ᠬᠠᠮᠳᠤᠳᠠ ᠭᠥᠭᠵᠢᠭᠰᠡᠨ ᠤᠳᠤ ᠥᠶ᠎ᠡ ᠶᠢᠨ ᠮᠥᠩᠭᠦᠨ | ᠭᠥᠢᠯᠭᠡᠭᠡᠨ ᠤ ᠥᠢᠯᠡᠴᠢᠯᠡᠭᠡ ᠶᠢᠨ ᠰᠢᠰᠲ᠋ᠧᠮ ᠢ ᠪᠥᠷᠢᠳᠥᠭᠦᠯᠥᠨᠡ᠃ 2022 ᠤᠨ ᠪᠤᠯᠬᠤ ᠳᠤ ᠪᠥᠭᠦ ᠬᠤᠰᠢᠭᠤᠨ | ᠤ ᠥᠢᠯᠡᠴᠢᠯᠡᠭᠡᠨ ᠤ ᠥᠢᠯᠡᠰ ᠤᠨ ᠨᠡᠮᠡᠭᠳᠡᠯ ᠥᠷᠳᠡᠭ ᠢ 100 ᠳ᠋ᠥᠩᠰᠢᠭᠤᠷ ᠲᠥᠭᠦᠷᠢᠭ ᠲᠠᠪᠠᠭᠤᠯᠵᠤ᠂ ᠠᠵᠤ | ᠠᠬᠤᠢ ᠶᠢᠨ ᠨᠡᠮᠡᠭᠳᠡᠯ ᠤᠨ ᠴᠢᠬᠤᠯᠠ ᠲᠤᠶᠢᠯ ᠪᠤᠯᠭᠠᠨ᠎ᠠ᠃ | ︵ᠬᠤᠶᠠᠷ︶ ᠠᠷᠠᠳ ᠤᠨ ᠠᠮᠢᠳᠤᠷᠠᠯ ᠤᠨ ︽ᠭᠡᠰᠢᠭ ᠭᠥᠷᠳᠡᠭᠡᠯ︾ ᠢ ᠴᠢᠩᠭᠠᠳᠬᠠᠨ᠂ ᠨᠡᠩ ᠴᠢᠨᠠᠷᠯᠢᠭ | ᠨᠡᠶᠢᠳᠡ ᠶᠢᠨ ᠥᠢᠯᠡᠴᠢᠯᠡᠭᠡ ᠪᠠᠷ ᠠᠷᠠᠳ ᠢ ᠬᠠᠷᠠᠭᠠᠯᠵᠠᠨ᠎ᠠ᠃ ᠠᠷᠠᠳ ᠢ ᠬᠠᠷᠠᠭᠠᠯᠵᠠᠬᠤ ᠤᠷᠤᠭᠤᠯᠤᠯᠳᠠ ᠪᠠᠨ | ᠨᠡᠮᠡᠭᠳᠡᠭᠦᠯᠥᠨ᠂ ᠨᠡᠶᠢᠳᠡ ᠶᠢᠨ ᠡᠳ᠋ ᠤᠨ ᠵᠠᠰᠠᠭ ᠤᠨ ᠤᠨ ᠤ ᠵᠠᠷᠤᠯᠭ᠎ᠠ ᠶᠢᠨ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠬᠢ ᠬᠡᠷᠡᠭᠯᠡᠯᠳᠡ ᠶᠢ 80% ᠭᠥᠷᠭᠦ ᠶᠢ ᠪᠠᠳᠤᠯᠠᠵᠤ᠂ ᠠᠷᠠᠳ ᠤᠯᠠᠨ ᠤ ᠠᠮᠢᠳᠤᠷᠠᠯ ᠤᠨ | ᠭᠥᠰᠡᠯ ᠵᠢᠷᠭᠠᠯ ᠢ ᠨᠢᠳᠤᠨ ᠳᠤ ᠥᠵᠡᠭᠳᠡᠨ ᠭᠠᠷ ᠲᠤ ᠪᠠᠷᠢᠭᠳᠠᠬᠤ ᠪᠠᠷ ᠪᠤᠳᠠᠳᠠᠢ ᠪᠤᠯᠭᠠᠨ᠂ ᠤᠯᠠᠨ ᠲᠥᠮᠡᠨ ᠤ | ᠬᠠᠨᠤᠮᠵᠢ ᠵᠢᠷᠭᠠᠯᠳᠠᠢ ᠪᠠ ᠥᠶᠥᠭ ᠲᠠᠪᠠᠳᠠᠢ ᠠᠮᠢᠳᠤᠷᠠᠯ ᠢ ᠥᠷᠭᠦᠯᠵᠢᠳᠠ ᠨᠡᠩ ᠪᠠᠳᠤᠯᠠᠨ᠎ᠠ᠃ | ᠰᠤᠷᠭᠠᠨ ᠭᠥᠮᠥᠵᠢᠯ ᠢ ᠲᠡᠷᠢᠭᠦᠨ ᠳᠤ ᠨᠢ ᠴᠢᠬᠤᠯᠠᠴᠢᠯᠠᠬᠤ ᠶᠢ ᠪᠠᠷᠢᠮᠳᠠᠯᠠᠵᠤ᠂ ᠤᠬᠢ ᠰᠢᠯᠢᠳᠡᠭ | ᠰᠤᠷᠭᠠᠨ ᠭᠥᠮᠥᠵᠢᠯ ᠤᠨ ᠲᠤᠭᠳᠡᠴᠠ ᠶᠢ ᠴᠤᠭᠴᠠᠯᠠᠨ᠎ᠠ᠃ ᠠᠯᠪᠠᠨ ᠵᠢᠷᠤᠮ ᠤᠨ ᠰᠤᠷᠭᠠᠨ ᠭᠥᠮᠥᠵᠢᠯ ᠤᠨ ᠬᠤᠳᠠ | ᠭᠥᠳᠡᠭᠡ ᠶᠢᠨ ᠢᠵᠢ ᠴᠤᠭᠴᠠᠵᠢᠭᠰᠠᠨ ᠭᠥᠭᠵᠢᠯᠳᠡ ᠶᠢ ᠪᠥᠭᠦ ᠲᠠᠯ᠎ᠠ ᠪᠠᠷ ᠠᠬᠢᠭᠤᠯᠤᠨ᠂ ᠭᠤᠤᠯᠳᠠᠯᠭᠠᠳᠤ ᠪᠠᠭᠰᠢ | ᠨᠠᠷ ᠤᠨ ᠥᠨᠳᠥᠰᠥᠨ ᠱᠠᠳᠤᠨ ᠳᠤ ᠡᠭᠡᠯᠵᠢ ᠪᠠᠷ ᠬᠢᠴᠢᠶᠡᠯᠯᠡᠭᠦ ᠢᠨᠵᠧᠨᠧᠷᠢᠩ ᠢ ᠬᠡᠷᠡᠭᠵᠢᠭᠦᠯᠥᠨ᠂ ᠰᠤᠮᠤ ᠪᠠᠯᠭᠠᠰᠤᠨ | ᠤ ᠰᠤᠷᠭᠠᠭᠤᠯᠢ ᠶᠢᠨ ᠪᠠᠭᠰᠢ ᠨᠠᠷ ᠤᠨ ᠪᠠᠶᠢᠷᠢ ᠶᠢᠨ ᠬᠡᠷ ᠢ ᠪᠠᠶᠢᠭᠤᠯᠵᠤ᠂ ᠡᠯ᠎ᠡ ᠲᠥᠷᠥᠯ ᠤᠨ ᠨᠥᠭᠦᠪᠥᠷᠢ ᠶᠢᠨ | ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠨ ᠭᠥᠮᠥᠵᠢᠯ ᠤᠨ ᠰᠢᠯᠢᠳᠡᠭ ᠰᠠᠶᠢᠨ ᠰᠤᠷᠪᠤᠯᠵᠢ ᠶᠢ | ᠮᠠᠯᠵᠢᠬᠤ ᠲᠠᠷᠢᠶᠠᠯᠠᠬᠤ ᠤᠷᠤᠨ ᠳᠤ ᠭᠥᠨᠵᠡᠭᠡᠶᠢᠷᠡᠭᠦᠯᠥᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ | ᠴᠢᠩᠭᠠᠳᠬᠠᠨ᠂ ᠥᠪᠡᠷᠳᠡᠭᠡᠨ ᠵᠠᠰᠠᠬᠤ ᠤᠷᠤᠨ ᠤ ᠲᠡᠰ ᠤᠨ ᠨᠡᠷᠡᠳᠤ ᠪᠠᠭᠰᠢ10᠂ ᠬᠤᠳᠠ ᠶᠢᠨ ᠲᠡᠰ ᠤᠨ ᠰᠤᠳᠤᠨ | ᠪᠠᠭᠰᠢ 50᠂ ᠬᠤᠰᠢᠭᠤ ᠲᠡᠰ ᠤᠨ ᠭᠤᠤᠯᠯᠠᠭᠴᠢ ᠪᠠᠭᠰᠢ 100 ᠠᠴᠠ ᠲᠡᠭᠡᠭᠰᠢ ᠭᠥᠮᠥᠵᠢᠭᠦᠯᠥᠨᠡ᠃ | ᠥᠨᠳᠥᠰᠥᠳᠡᠨ ᠤ ᠠᠵᠢᠯ ᠮᠡᠷᠭᠡᠵᠢᠯ ᠤᠨ ᠭᠥᠮᠥᠵᠢᠯ ᠪᠤᠯᠪᠠᠰᠤᠷᠠᠯ ᠤᠨ ᠲᠤᠭᠳᠠᠴᠠ ᠶᠢ ᠲᠡᠭᠦᠯᠳᠡᠷᠵᠢᠭᠦᠯᠵᠥ᠂ | ᠥᠢᠯᠡᠳᠪᠥᠷᠢᠯᠡᠯ ᠬᠢᠭᠡᠳ ᠵᠢᠭᠠᠨ ᠰᠤᠷᠭᠠᠯᠳᠠ ᠶᠢ ᠨᠢᠭᠡᠳᠭᠡᠨ᠂ ᠰᠤᠷᠭᠠᠭᠤᠯᠢ ᠪᠤᠯᠤᠨ ᠠᠵᠤ ᠠᠬᠤᠶᠢᠯᠠᠯ ᠢ | ᠬᠠᠮᠳᠤᠷᠠᠯᠴᠠᠭᠤᠯᠵᠤ᠂ ᠥᠨᠳᠥᠰᠥᠳᠡᠨ ᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢ ᠪᠥᠭᠦ ᠤᠯᠤᠰ ᠲᠤ | ᠠᠯᠳᠠᠷᠰᠢᠭᠰᠠᠨ ᠤᠨᠴᠠᠯᠢᠭᠳᠤ ᠲᠠᠭᠤᠷᠢᠶᠠᠯ ᠰᠤᠷᠭᠠᠭᠤᠯᠢ ᠪᠤᠯᠭᠠᠨ ᠴᠤᠭᠴᠠᠯᠠᠨ᠎ᠠ᠃ ᠠᠯᠪᠠᠨ ᠵᠢᠷᠤᠮ ᠤᠨ | ᠪᠠᠷᠢᠮᠵᠢᠶᠠᠳᠤ ᠰᠤᠷᠭᠠᠭᠤᠯᠢ ᠪᠤᠯᠤᠨ ᠬᠤᠳᠠ ᠭᠥᠳᠡᠭᠡ ᠶᠢ ᠴᠤᠭ ᠬᠠᠷᠠᠭᠠᠯᠵᠠᠭᠰᠠᠨ ᠭᠡᠥᠭᠡᠳ ᠤᠨ ᠴᠡᠴᠡᠷᠯᠢᠭ ᠤᠨ | ᠪᠠᠶᠢᠭᠤᠯᠤᠯᠳᠠ ᠶᠢ ᠴᠢᠩᠭᠠᠳᠬᠠᠨ᠂ ᠰᠤᠷᠭᠠᠭᠤᠯᠢ ᠶᠢᠨ ᠲᠠᠷᠬᠠᠴᠠ ᠶᠢ ᠰᠠᠶᠢᠳᠤᠷ ᠵᠤᠬᠢᠴᠠᠭᠤᠯᠵᠤ᠂ ᠰᠤᠷᠤᠭᠴᠢᠳ | ᠤᠨ ᠲᠡᠳᠭᠦᠮᠵᠢ ᠶᠢᠨ ᠲᠥᠷᠢᠮ ᠢ ᠲᠡᠭᠦᠯᠳᠡᠷᠵᠢᠭᠦᠯᠥᠨ᠂ ᠭᠡᠥᠭᠡᠳ ᠨᠢᠭᠡ ᠪᠥᠷᠢ ᠳᠤ ᠴᠢᠨᠠᠷᠯᠢᠭ ᠰᠠᠶᠢᠨ ᠰᠤᠷᠭᠠᠨ | ᠭᠥᠮᠥᠵᠢᠯ ᠭᠥᠷᠳᠡᠭᠦᠯᠥᠨᠡ᠃ | ᠠᠷᠠᠳ ᠤᠯᠠᠨ ᠤ ᠡᠷᠡᠭᠦᠯ ᠡᠩᠭᠡ ᠶᠢ ᠭᠥᠨᠳᠥᠳᠭᠡᠵᠥ᠂ ᠪᠥᠭᠦ ᠠᠷᠠᠳ ᠤᠨ ᠡᠩᠭᠡ ᠮᠡᠨᠳᠤ ᠶᠢᠨ | ᠰᠢᠰᠲ᠋ᠧᠮ ᠢ ᠴᠤᠭᠴᠠᠯᠠᠨ᠎ᠠ᠃ ᠢᠷᠭᠠᠢ ᠶᠢᠨ ᠡᠮᠴᠢᠯᠡᠭᠡᠨ ᠤ ᠨᠡᠷᠡᠳᠤ ᠨᠢᠭᠡᠴᠡ ᠯᠦᠭᠡ ᠶᠢᠨ ᠬᠠᠮᠳᠤᠷᠠᠯᠴᠠᠭ᠎ᠠ ᠶᠢ | ᠴᠢᠩᠭᠠᠳᠬᠠᠨ᠂ ᠤᠬᠢ ᠰᠢᠯᠢᠳᠡᠭ ᠡᠮᠴᠢᠯᠡᠭᠡᠨ ᠤ ᠰᠤᠷᠪᠤᠯᠵᠢ ᠶᠢᠨ ᠬᠠᠮᠳᠤ ᠪᠠᠶᠢᠭᠤᠯᠤᠯᠳᠠ ᠬᠠᠮᠳᠤ ᠡᠳ᠋ᠯᠡᠯᠳᠡ ᠶᠢ | ᠠᠬᠢᠭᠤᠯᠤᠨ᠂ ᠤᠨᠤᠰᠢᠯᠠᠵᠤ ᠡᠮᠴᠢᠯᠡᠭᠦ ᠮᠡᠷᠭᠡᠵᠢᠯ ᠤᠨ ᠲᠥᠪᠰᠢᠨ ᠢ ᠲᠡᠭᠡᠭᠰᠢᠯᠡᠭᠦᠯᠥᠨ᠎ᠡ᠃ ︽ᠰᠠᠶᠢᠨ ᠡᠮᠴᠢ | ᠭᠥᠳᠡᠭᠡ ᠳᠤ ᠪᠠᠭᠤᠬᠤ︾ ᠢᠨᠵᠧᠨᠧᠷᠢᠩ ᠢ ᠭᠡᠷᠡᠭᠵᠢᠭᠦᠯᠵᠥ᠂ ᠬᠤᠰᠢᠭᠤ ᠲᠡᠰ ᠤᠨ ᠡᠮᠨᠡᠯᠭᠡ ᠶᠢᠨ ᠬᠤᠷᠢᠶᠠᠨ ᠤ | ᠭᠤᠤᠯᠯᠠᠭᠴᠢ ᠡᠮᠴᠢ ᠨᠠᠷ ᠤᠨ ᠥᠨᠳᠥᠰᠥᠨ ᠱᠠᠳᠤᠨ ᠳᠤ ᠬᠢ ᠠᠵᠢᠯ ᠤᠨ ᠥᠷᠥᠭᠡ ᠭᠠᠷᠭᠠᠨ᠂ ᠴᠢᠨᠠᠷᠯᠢᠭ ᠰᠠᠶᠢᠨ | ᠡᠮ ᠡᠮᠴᠢᠯᠡᠭᠡᠨ ᠤ ᠰᠤᠷᠪᠤᠯᠵᠢ ᠶᠢᠨ ᠬᠤᠳᠠ ᠭᠥᠳᠡᠭᠡ ᠶᠢᠨ ᠬᠠᠮᠳᠤ ᠡᠳ᠋ᠯᠡᠯᠳᠡ ᠶᠢᠨ ᠲᠥᠪᠰᠢᠨ ᠢ | ᠲᠡᠭᠡᠭᠰᠢᠯᠡᠭᠦᠯᠥᠨ᠎ᠡ︔ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠲᠡᠰ ᠲᠠᠪᠰᠢᠯᠳᠠ ᠶᠢ | ᠲᠥᠷᠭᠡᠳᠭᠡᠨ᠂ ᠮᠤᠩᠭᠤᠯ ᠡᠮᠨᠡᠯᠭᠡ ᠶᠢᠨ ᠬᠤᠷᠢᠶ᠎ᠠ ᠪᠠᠷ ᠭᠤᠤᠯᠯᠠᠭᠤᠯᠤᠭᠰᠠᠨ ᠥᠨᠳᠥᠰᠥᠳᠡᠨ ᠤ ᠡᠮ ᠡᠮᠨᠡᠯᠭᠡ ᠶᠢᠨ | ᠥᠢᠯᠡᠰ ᠢ ᠢᠳᠡᠪᠬᠢᠳᠡᠢ ᠭᠥᠭᠵᠢᠭᠦᠯᠵᠥ᠂ ︽ᠡᠪᠡᠳᠴᠢᠯᠡᠪᠡᠯ ᠡᠮᠴᠢᠯᠡᠭᠡ ᠲᠠᠢ︾ ᠪᠠᠶᠢᠭᠰᠠᠨ ᠠᠴᠠ ︽ | ᠡᠪᠡᠳᠴᠢᠯᠡᠪᠡᠯ ᠡᠮᠴᠢᠯᠡᠭᠡ ᠰᠠᠶᠢᠳᠠᠢ︾ ᠪᠤᠯᠭᠠᠬᠤ ᠲᠡᠰᠢ ᠲᠡᠰ ᠲᠠᠪᠰᠢᠭᠤᠯᠤᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯᠯᠠᠭ᠎ᠠ ᠥᠷᠨᠢᠭᠦᠯᠵᠥ᠂ ᠪᠥᠭᠦ ᠠᠷᠠᠳ ᠤᠨ ᠡᠷᠡᠭᠦᠯ ᠮᠡᠨᠳᠤ ᠶᠢᠨ ᠬᠠᠮᠢᠶᠠᠷᠤᠯᠳᠠ ᠶᠢᠨ | ᠲᠥᠪ ᠢ ᠪᠠᠶᠢᠭᠤᠯᠤᠨ᠂ ᠪᠥᠭᠦ ᠠᠷᠠᠳ ᠤᠨ ᠡᠷᠡᠭᠦᠯ ᠮᠡᠨᠳᠤ ᠶᠢᠨ ᠭᠥᠳᠡᠯᠥᠩᠭᠦᠢ ᠬᠢᠨᠠᠯᠳᠠ ᠡᠵᠡᠮᠰᠢᠯᠳᠠ ᠶᠢ | ᠪᠡᠶᠡᠯᠡᠭᠦᠯᠵᠥ᠂ ᠭᠡᠷ ᠤᠨ ᠪᠥᠯᠢ ᠶᠢᠨ ᠡᠮᠴᠢ ᠶᠢᠨ ᠬᠡᠷ᠎ᠡ ᠲᠤᠬᠢᠷᠠᠬᠤ ᠥᠢᠯᠡᠴᠢᠯᠡᠭᠡ ᠶᠢ ᠲᠥᠭᠡᠮᠡᠯᠵᠢᠭᠦᠯᠥᠨ᠂ ᠪᠥᠭᠦ | ᠤᠯᠤᠰ ᠤᠨ ᠤᠳᠠᠭᠠᠨ ᠴᠢᠨᠠᠷᠳᠤ ᠡᠪᠡᠳᠴᠢᠨ ᠤ ᠶᠡᠷᠥᠩᠭᠡᠶᠢᠯᠡᠭᠰᠡᠨ ᠰᠡᠷᠭᠡᠶᠢᠯᠡᠯ ᠡᠵᠡᠮᠰᠢᠯ ᠤᠨ ᠲᠠᠭᠤᠷᠢᠶᠠᠯ ᠤᠷᠤᠨ | ᠪᠠ ᠡᠷᠡᠭᠦᠯ ᠮᠡᠨᠳᠤ ᠶᠢ ᠡᠷᠬᠢᠮᠯᠡᠭᠦ ᠬᠤᠰᠢᠭᠤ ᠶᠢ ᠴᠤᠭᠴᠠᠯᠠᠨ᠎ᠠ︔ ᠤᠯᠠᠨ ᠲᠥᠮᠡᠨᠴᠢ ᠪᠡᠶ᠎ᠡ ᠴᠢᠬᠢᠷᠠᠭᠵᠢᠭᠤᠯᠬᠤ | ᠲᠠᠯᠠᠪᠠᠢ ᠪᠤᠯᠤᠨ ᠶᠠᠪᠠᠭᠠᠨ ᠪᠤᠯᠪᠠᠰᠤᠷᠠᠯ ᠤᠨ ᠵᠠᠮ ᠪᠠᠶᠢᠭᠤᠯᠵᠤ᠂ ᠪᠥᠭᠦ ᠠᠷᠠᠳ ᠢᠶᠠᠷ ᠪᠡᠶ᠎ᠡ ᠴᠢᠬᠢᠷᠠᠭᠵᠢᠭᠤᠯᠬᠤ | ᠥᠷᠨᠢᠯᠳᠠ ᠭᠠᠷᠭᠠᠨ᠎ᠠ᠃ | ᠰᠤᠶᠤᠯ ᠢᠶᠠᠷ ᠢᠷᠭᠡᠳ ᠢ ᠬᠡᠬᠡᠷᠡᠭᠦᠯᠭᠦ ᠶᠢ ᠠᠩᠬᠠᠷᠴᠤ᠂ ᠰᠤᠶᠤᠯ ᠤᠨ ᠥᠢᠯᠡᠴᠢᠯᠡᠭᠡᠨ ᠤ ᠲᠤᠭᠳᠠᠴᠠ ᠶᠢ | ᠪᠥᠷᠢᠯᠳᠥᠭᠦᠯᠥᠨ᠎ᠡ᠃ ᠨᠡᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠡᠯᠳᠡ ᠶᠢ ᠪᠠᠳᠠᠷᠠᠭᠤᠯᠤᠨ᠂ ᠤᠯᠤᠰ | ᠤᠨ ᠲᠡᠰ ᠤᠨ ᠰᠤᠶᠤᠯ ᠤᠨ ᠵᠢᠱᠢᠶᠡᠴᠢ ᠬᠤᠰᠢᠭᠤ ᠶᠢ ᠪᠠᠶᠢᠭᠤᠯᠬᠤ ᠪᠠᠨ ᠲᠥᠷᠭᠡᠳᠭᠡᠨ᠎ᠡ᠃ ᠥᠨᠳᠥᠰᠥᠳᠡᠨ ᠤ | ᠤᠯᠠᠮᠵᠢᠯᠠᠯᠳᠤ ᠰᠤᠶᠤᠯ ᠤᠨ ᠥᠪ ᠢ ᠭᠥᠨᠵᠡᠭᠡᠢ ᠠᠭᠤᠳᠠᠯᠠᠨ᠂ ᠰᠢᠨ᠎ᠡ ᠬᠡᠯᠪᠡᠷᠢ ᠶᠢᠨ ᠰᠤᠶᠤᠯ ᠤᠨ ᠡᠵᠡᠩᠨᠡᠯᠳᠡ ᠶᠢ | ᠪᠤᠶᠢᠵᠢᠭᠤᠯᠵᠤ᠂ ᠥᠪᠡᠷᠮᠢᠴᠡ ᠤᠴᠠᠯᠢᠭᠳᠤ ᠰᠤᠶᠤᠯ ᠤᠨ ᠨᠡᠷᠡᠳᠤ ᠲᠡᠮᠳᠡᠭ ᠢ ᠡᠭᠦᠳᠥᠨ᠂ ᠰᠤᠶᠤᠯ ᠤᠨ ᠬᠡᠷᠡᠭᠯᠡᠭᠡ | ᠶᠢ ᠠᠬᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ ᠥᠢᠯᠡᠴᠢᠯᠡᠭᠡᠨ ᠤ ᠲᠤᠭᠳᠠᠴᠠ ᠶᠢ ᠤᠯᠠᠮ | ᠲᠡᠭᠦᠯᠳᠡᠷᠵᠢᠭᠦᠯᠵᠥ᠂ ᠵᠠᠰᠠᠭ ᠤᠨ ᠤᠷᠳᠤᠨ ᠨᠡᠶᠢᠭᠡᠮ ᠠᠴᠠ ᠤᠯᠠᠨ ᠨᠡᠶᠢᠳᠡ ᠶᠢᠨ ᠰᠤᠶᠤᠯ ᠤᠨ ᠥᠢᠯᠡᠴᠢᠯᠡᠭᠡ | ᠬᠤᠳᠠᠯᠳᠤᠨ ᠠᠪᠬᠤ ᠲᠤᠭᠳᠠᠴᠠ ᠶᠢ ᠪᠥᠷᠢᠳᠥᠭᠦᠯᠤᠨ᠂ ᠰᠤᠯᠠ ᠤᠷᠬᠢᠭᠳᠠᠭᠰᠠᠨ ᠰᠤᠶᠤᠯ ᠤᠨ ᠥᠢᠯᠡᠴᠢᠯᠡᠭᠡᠨ ᠤ | ᠰᠤᠷᠪᠤᠯᠵᠢ ᠶᠢ ᠢᠳᠠᠪᠬᠢᠯᠡᠭᠦᠯᠥᠨ ᠬᠡᠷᠡᠭᠯᠡᠵᠥ᠂ ᠰᠤᠶᠤᠯ ᠤᠨ ᠠᠵᠤ ᠥᠢᠯᠡᠰ ᠤᠨ ᠭᠥᠷᠢᠶᠡᠯᠠᠩ ᠤᠨ ᠪᠤᠳᠠᠳᠤ | ᠠᠰᠢᠭᠯᠠᠮᠵᠢ ᠶᠢ ᠠᠬᠢᠭᠤᠯᠤᠨ᠎ᠠ᠃ ᠪᠥᠭᠦ ᠠᠷᠠᠳ ᠢᠶᠠᠷ ᠨᠤᠮ ᠤᠩᠰᠢᠬᠤ ᠠᠵᠢᠯᠯᠠᠭ᠎ᠠ ᠶᠢ ᠥᠷᠭᠦᠯᠵᠢᠯᠡᠨ | ᠪᠠᠷᠢᠮᠳᠠᠯᠠᠭᠤᠯᠵᠤ᠂ ᠨᠤᠮ ᠤᠨ ᠰᠠᠩ᠂ ᠰᠤᠶᠤᠯ ᠤᠨ ᠤᠷᠳᠤᠨ ᠪᠤᠯᠤᠨ ᠰᠤᠮᠤ ᠪᠠᠯᠭᠠᠰᠤᠨ ᠤ ᠰᠤᠶᠤᠯ ᠤᠨ ᠥᠷᠳᠡᠭᠡ | ᠶᠢᠨ ᠶᠡᠷᠥᠩᠭᠡᠶᠢᠯᠡᠭᠰᠡᠨ ᠠᠰᠢᠭᠯᠠᠯᠳᠠ ᠪᠥᠳᠥᠮᠵᠢ ᠶᠢ ᠲᠡᠭᠡᠭᠰᠢᠯᠡᠭᠦᠯᠥᠨ᠎ᠡ︔ ᠶᠡᠷᠥᠩᠭᠡᠢ ᠱᠥᠵᠢ ᠶᠢᠨ ᠤᠯᠠᠭᠠᠨᠮᠥ᠋ᠴᠢᠷ | ᠤᠨ ᠥᠢᠯᠡᠰ ᠤᠨ ᠭᠥᠭᠵᠢᠯᠳᠡ ᠶᠢᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ | ᠭᠠᠵᠠᠷ ᠤᠷᠤᠨ ᠳᠤ ᠲᠤᠬᠢᠷᠭᠰᠠᠨ ᠨᠥᠯᠥᠭᠡᠯᠡᠯ ᠰᠠᠶᠢᠳᠠᠢ ᠰᠤᠶᠤᠯ ᠤᠨ ᠰᠤᠳᠤᠨ ᠪᠥᠳᠥᠭᠡᠯ ᠲᠡᠪᠰᠢᠭᠦᠯᠭᠦ ᠢ ᠨᠢ | ᠲᠡᠮᠵᠢᠵᠤ᠂ ︽ᠰᠤᠶᠤᠯ ᠢ ᠭᠥᠳᠡᠭᠡ ᠪᠠᠭᠤᠯᠭᠠᠬᠤ︾ ᠠᠵᠢᠯ ᠢ ᠭᠥᠨᠵᠡᠭᠡᠢ ᠥᠷᠨᠢᠭᠦᠯᠥᠨ᠂ ᠤᠯᠠᠨ ᠲᠥᠮᠡᠨ ᠤ ᠤᠯᠠᠨ | ᠲᠠᠯᠠᠳᠤ ᠤᠶᠤᠨ ᠤ ᠱᠠᠭᠠᠷᠳᠠᠯᠭ᠎ᠠ ᠶᠢ ᠲᠠᠰᠤᠷᠠᠯᠳᠠ ᠥᠭᠡᠢ ᠬᠠᠩᠭᠠᠨ᠎ᠠ᠃ | ᠪᠠᠷᠢᠮᠵᠢᠶ᠎ᠠ ᠲᠡᠭᠡᠭᠰᠢᠯᠡᠭᠦᠯᠥᠯᠳᠡ ᠬᠡᠪᠴᠢᠶ᠎ᠡ ᠥᠷᠭᠡᠳᠭᠡᠯ ᠢ ᠠᠬᠢᠭᠤᠯᠤᠨ᠂ ᠨᠡᠶᠢᠭᠡᠮ ᠤᠨ ᠪᠠᠳᠤᠯᠠᠭ᠎ᠠ ᠶᠢᠨ | ᠰᠢᠰᠲ᠋ᠧᠮ ᠢ ᠴᠤᠭᠴᠠᠯᠠᠨ᠎ᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠲᠤᠭᠳᠠᠴᠠ ᠶᠢ ᠯᠠᠪᠳᠠᠭᠤᠨ ᠠᠬᠢᠭᠤᠯᠵᠤ | ᠬᠤᠳᠠ ᠭᠥᠳᠡᠭᠡ ᠶᠢ ᠴᠤᠭ ᠭᠥᠭᠵᠢᠭᠦᠯᠥᠨ᠂ ᠪᠥᠭᠦ ᠠᠷᠠᠳ ᠤᠨ ᠲᠠᠭᠠᠳᠬᠠᠯ ᠳᠤ ᠲᠠᠩᠰᠠᠯᠠᠭᠤᠯᠬᠤ ᠲᠥᠯᠥᠪᠯᠡᠭᠡ ᠶᠢ | ᠬᠡᠷᠡᠭᠵᠢᠭᠦᠯᠵᠥ᠂ ᠨᠥᠭᠦᠪᠥᠷᠢ ᠶᠢᠨ ᠴᠢᠨᠠᠷᠳᠤ ᠡᠮ ᠡᠮᠨᠡᠯᠭᠡ ᠶᠢᠨ ᠲᠠᠭᠠᠳᠬᠠᠯ ᠪᠤᠯᠤᠨ ᠠᠷᠠᠯᠵᠢᠶᠠᠨ ᠤ ᠲᠥᠷᠥᠯ ᠤᠨ | ᠡᠷᠡᠭᠦᠯ ᠮᠡᠨᠳᠤ ᠶᠢᠨ ᠲᠠᠭᠠᠳᠬᠠᠯ ᠢ ᠭᠥᠭᠵᠢᠭᠦᠯᠵᠥ ᠵᠤᠷᠢᠭᠵᠢᠭᠤᠯᠤᠨ᠂ ᠠᠵᠤ ᠠᠬᠤᠶᠢᠯᠠᠯ ᠤᠨ ᠠᠵᠢᠯ ᠠᠴᠠ | ᠠᠮᠠᠷᠠᠭᠰᠠᠳ ᠤᠨ ᠴᠠᠯᠢᠩ ᠤᠨ ᠪᠠᠷᠢᠮᠵᠢᠶ᠎ᠠ ᠪᠠ ᠲᠠᠪᠤᠨ ᠪᠠᠳᠤᠯᠠᠭᠠᠳᠤ ᠡᠳᠡᠭᠡᠳ᠂ ᠭᠥᠴᠢᠷᠳᠡᠯᠳᠤ ᠭᠡᠥᠭᠡᠳ᠂ | ᠵᠡᠮᠳᠡᠭᠴᠤᠳ ᠤᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠤᠯᠠᠮ ᠢᠶᠠᠷ ᠲᠡᠭᠡᠭᠰᠢᠯᠡᠭᠦᠯᠵᠥ᠂ ᠨᠡᠶᠢᠭᠡᠮ ᠤᠨ | ᠪᠠᠳᠤᠯᠠᠭ᠎ᠠ ᠶᠢᠨ ᠡᠯ᠎ᠡ ᠲᠥᠷᠥ ᠶᠢᠨ ᠪᠤᠳᠤᠯᠭ᠎ᠠ ᠶᠢᠨ ᠲᠥᠷᠢᠮ ᠤᠨ ᠪᠥᠷᠭᠦᠯᠳᠡ ᠠᠴᠠ ᠠᠷᠠᠳ ᠤᠨ ᠠᠮᠢᠳᠤᠷᠠᠯ ᠳᠤ | ᠬᠢ ᠪᠥᠷᠭᠦᠯᠳᠡ ᠭᠥᠷᠳᠡᠯᠡᠭᠢ ᠭᠥᠨᠵᠡᠭᠡᠶᠢᠷᠡᠯ ᠢ ᠠᠬᠢᠭᠤᠯᠤᠨ᠎ᠠ︔ ᠬᠠᠭᠤᠴᠢᠨ ᠰᠠᠭᠤᠭᠠᠯᠢ ᠲᠤᠭᠤᠷᠢᠭ ᠤᠨ | ᠥᠭᠡᠷᠡᠴᠢᠯᠡᠯᠳᠡ ᠶᠢ ᠲᠥᠷᠭᠡᠳᠭᠡᠨ ᠤᠷᠤᠨ ᠰᠠᠭᠤᠴᠠ ᠶᠢᠨ ᠢᠨᠵᠧᠨᠧᠷᠢᠩ ᠤᠨ ᠭᠤᠤᠯ ᠠᠵᠢᠯ ᠪᠤᠯᠭᠠᠵᠤ᠂ | ᠪᠠᠳᠤᠯᠠᠭ᠎ᠠ ᠶᠢᠨ ᠤᠷᠤᠨ ᠰᠠᠭᠤᠴᠠ ᠨᠤᠭᠤᠳ ᠢ ᠰᠢᠨ᠎ᠡ ᠪᠠᠷ ᠪᠤᠶᠤ ᠥᠷᠭᠡᠳᠭᠡᠨ ᠪᠠᠶᠢᠭᠤᠯᠤᠨ᠎ᠠ︔ ᠵᠠᠬ᠎ᠠ | ᠲᠡᠯᠭᠡᠭᠦᠷᠴᠢᠯᠡᠭᠰᠡᠨ ᠤᠷᠤᠰᠢᠭᠤᠯᠭ᠎ᠠ ᠭᠥᠳᠡᠭᠡᠯᠡᠭᠦᠯᠭᠡ ᠶᠢᠨ ᠢᠵᠢ ᠥᠢᠯᠡᠴᠢᠯᠡᠭᠡ ᠶᠢ ᠠᠬᠢᠭᠤᠯᠵᠤ᠂ ᠤᠷᠤᠰᠢᠭᠤᠯᠭ᠎ᠠ | ᠶᠢᠨ ᠥᠢᠯᠡᠴᠢᠯᠡᠭᠡᠨ ᠤ ᠲᠥᠪ ᠢ ᠪᠠᠶᠢᠭᠤᠯᠤᠨ᠎ᠠ︔ ᠤᠶᠤᠨᠴᠢ ᠨᠠᠰᠤᠵᠢᠯ ᠠᠰᠠᠷᠠᠯᠳᠠ ᠶᠢᠨ ᠠᠵᠢᠯ ᠢ ᠭᠥᠭᠵᠢᠭᠦᠯᠥᠨ᠂ | ᠡᠮᠨᠡᠭᠦ ᠰᠤᠪᠢᠯᠠᠬᠤ ᠶᠢ ᠤᠶᠠᠯᠳᠤᠭᠤᠯᠤᠨ ᠠᠬᠢᠭᠤᠯᠵᠤ᠂ ᠨᠡᠶᠢᠭᠡᠮ ᠤᠨ ᠪᠡᠯᠡ ᠶᠢ ᠨᠠᠰᠤᠵᠢᠯ ᠥᠢᠯᠡᠴᠢᠯᠡᠭᠡᠨ ᠤ | ᠰᠢᠰᠲ᠋ᠧᠮ ᠤᠨ ᠴᠤᠭᠴᠠᠯᠠᠯᠳᠠ ᠳᠤ ᠤᠷᠤᠯᠴᠠᠭᠤᠯᠤᠨ᠂ ᠨᠠᠰᠤᠳᠠᠶᠢᠴᠤᠳ ᠤᠨ ᠠᠮᠢᠳᠤᠷᠠᠯ ᠢ ᠨᠡᠶᠢᠭᠡᠮ ᠤᠨ | ᠭᠥᠭᠵᠢᠯᠳᠡ ᠳᠤ ᠨᠠᠩ ᠰᠠᠶᠢᠳᠤᠷ ᠠᠭᠤᠰᠤᠯᠴᠠᠭᠤᠯᠤᠨ᠂ ᠨᠠᠰᠤᠳᠠᠶᠢᠴᠤᠳ ᠤᠨ ᠪᠠᠶᠠᠷ ᠪᠠᠶᠠᠰᠤᠯ ᠢ ᠪᠠᠳᠤᠯᠠᠨ᠎ᠠ᠃ | ᠠᠵᠢᠯ ᠤᠯᠤᠯᠳᠠ ᠶᠢᠨ ᠴᠢᠨᠠᠷᠵᠢᠯ ᠢ ᠲᠡᠭᠡᠭᠰᠢᠯᠡᠭᠦᠯᠵᠥ᠂ ᠪᠥᠭᠦ ᠠᠷᠠᠳ ᠢᠶᠠᠷ ᠥᠢᠯᠡᠰ ᠪᠥᠳᠥᠭᠡᠭᠦ | ᠲᠤᠭᠳᠠᠴᠠ ᠶᠢ ᠴᠤᠭᠴᠠᠯᠠᠨ᠎ᠠ᠃ ᠵᠠᠰᠠᠭ ᠤᠨ ᠤᠷᠳᠤᠨ᠂ ᠠᠵᠢᠯᠴᠢᠨ ᠤ ᠡᠪᠯᠡᠯ ᠪᠤᠯᠤᠨ ᠠᠵᠤ ᠠᠬᠤᠶᠢᠯᠠᠯ | ᠬᠠᠮᠳᠤᠷᠠᠨ ᠤᠷᠤᠯᠴᠠᠭᠰᠠᠨ ᠴᠢᠭᠯᠡᠯᠳᠤ ᠴᠢᠨᠠᠷ ᠲᠠᠢ ᠨᠠᠶᠢᠳᠠᠨ ᠭᠥᠮᠥᠵᠢᠭᠦᠯᠭᠦ ᠲᠤᠭᠳᠠᠴᠠ ᠲᠤᠭᠳᠠᠭᠠᠨ | ᠲᠡᠭᠦᠯᠳᠡᠷᠵᠢᠭᠦᠯᠵᠥ᠂ ᠲᠡᠭᠦᠰᠥᠭᠰᠡᠨ ᠤᠶᠤᠳᠠᠳ᠂ ᠬᠠᠯᠠᠭᠳᠠᠭᠰᠠᠨ ᠴᠡᠷᠢᠭ᠂ ᠰᠢᠯᠵᠢᠭᠰᠡᠨ ᠮᠠᠯᠴᠢᠨ ᠲᠠᠷᠢᠶᠠᠴᠢᠳ | ᠠᠵᠤ ᠠᠬᠤᠶᠢᠯᠠᠯ ᠳᠤ ᠤᠷᠤᠵᠤ ᠠᠵᠢᠯ ᠥᠢᠯᠡᠰ ᠡᠷᠬᠢᠯᠡᠵᠤ᠂ ᠠᠵᠢᠯ ᠤᠯᠬᠤ ᠶᠢ ᠪᠡᠶᠡᠯᠡᠭᠦᠯᠥᠨ᠎ᠡ᠃ ︽ᠬᠤᠤᠰ | ᠪᠥᠳᠥᠭᠡᠯᠳᠡ︾ ᠶᠢᠨ ᠲᠠᠭᠤᠷᠢᠶᠠᠯ ᠰᠠᠭᠤᠷᠢᠨ ᠤ ᠥᠢᠯᠡᠰ ᠪᠥᠳᠥᠭᠡᠨ ᠠᠵᠢᠯ ᠤᠯᠭᠤᠬᠤ ᠲᠠᠪᠴᠠᠩ ᠤᠨ ᠥᠢᠯᠡᠳᠥᠯ | ᠢ ᠭᠥᠢᠴᠡᠳ ᠪᠠᠳᠠᠷᠠᠭᠤᠯᠤᠨ᠂ ︽ᠪᠠᠭ᠎ᠠ ᠠᠵᠤ ᠠᠬᠤᠶᠢᠯᠠᠯᠳᠠᠨ︾ ᠪᠤᠯᠤᠨ ᠨᠤᠳᠤᠭ ᠤᠨ ᠲᠤᠮᠳᠠ ᠪᠠᠭ᠎ᠠ ᠠᠵᠤ | ᠠᠬᠤᠶᠢᠯᠠᠯ ᠢ ᠪᠤᠶᠢᠵᠢᠭᠤᠯᠬᠤ ᠢᠨᠵᠧᠨᠧᠷᠢᠩ ᠢ ᠭᠡᠷᠡᠭᠵᠢᠭᠦᠯᠵᠥ᠂ ᠪᠠᠭ᠎ᠠ ᠲᠤᠭᠠᠳᠤ ᠵᠢᠭᠡᠯᠡᠯᠭᠡ ᠨᠠᠶᠢᠳᠠᠪᠤᠷᠢᠵᠢᠭᠤᠯᠤᠨ᠂ | ᠵᠢᠷ ᠭᠥᠮᠥᠰ ᠤᠨ ᠥᠢᠯᠡᠰ ᠪᠥᠳᠥᠭᠡᠯᠳᠡ ᠶᠢ ᠲᠡᠮᠵᠢᠨ᠎ᠡ᠃ ᠠᠵᠢᠯᠳᠠᠨ ᠪᠤᠯᠤᠨ ᠭᠥᠳᠡᠯᠮᠥᠷᠢᠯᠡᠭᠴᠢᠳ ᠤᠨ ᠭᠥᠯᠥᠰᠥ | ᠤᠯᠭᠤᠮᠵᠢ ᠶᠢᠨ ᠬᠡᠪ ᠤᠨ ᠨᠡᠮᠡᠭᠳᠡᠯ ᠤᠨ ᠲᠤᠭᠳᠠᠴᠠ ᠪᠤᠯᠤᠨ ᠤᠯᠭᠤᠯᠳᠠ ᠶᠢᠨ ᠪᠠᠳᠤᠯᠠᠭ᠎ᠠ ᠶᠢᠨ ᠲᠤᠭᠳᠠᠴᠠ ᠶᠢ | ᠪᠠᠶᠢᠭᠤᠯᠤᠨ ᠲᠡᠭᠦᠯᠳᠡᠷᠵᠢᠭᠦᠯᠵᠥ᠂ ᠰᠠᠭᠤᠭᠠᠯᠢ ᠠᠷᠠᠳ ᠤᠨ ᠡᠵᠡᠩᠨᠡᠯᠳᠡ᠂ ᠴᠠᠯᠢᠩ ᠪᠤᠯᠤᠨ ᠭᠥᠷᠥᠩᠭᠡ ᠶᠢᠨ | ᠴᠢᠨᠠᠷᠳᠤ ᠤᠷᠤᠯᠭ᠎ᠠ ᠶᠢ ᠨᠡᠮᠡᠭᠳᠡᠭᠦᠯᠥᠨ᠂ ᠬᠡᠷ᠎ᠡ ᠶᠢᠨ ᠠᠵᠢᠯᠳᠠᠳ ᠤᠨ ᠴᠠᠯᠢᠩ ᠤᠯᠭᠤᠮᠵᠢ ᠵᠢᠯ ᠲᠠᠷᠠᠭᠠᠯᠠᠨ ᠨᠡᠮᠡᠭᠳᠡᠭᠦ | ᠶᠢ ᠪᠠᠳᠤᠯᠠᠵᠤ᠂ ᠠᠵᠢᠯ ᠨᠢᠭᠡ ᠪᠤᠯ ᠤᠯᠭᠤᠮᠵᠢ ᠠᠳᠠᠯᠢ ᠪᠤᠯᠭᠠᠨ᠎ᠠ᠃ ᠤᠨᠴᠠ ᠭᠥᠴᠢᠷᠳᠡᠯᠳᠤ ᠭᠥᠮᠥᠰ ᠤᠨ ᠠᠵᠢᠯ | ᠤᠯᠬᠤ ᠪᠠᠳᠤᠯᠠᠭ᠎ᠠ ᠶᠢ ᠬᠢᠨᠠᠮᠠᠭᠠᠢ ᠰᠠᠶᠢᠨ ᠬᠢᠵᠤ᠂ ᠬᠤᠳᠠ ᠪᠠᠯᠭᠠᠰᠤᠨ ᠤ ᠠᠵᠢᠯ ᠲᠠᠢ ᠭᠥᠮᠥᠨ ᠥᠭᠡᠢ ᠭᠡᠷ ᠪᠥᠯᠢ | ᠶᠢ ᠤᠯᠠᠮ ᠴᠥᠭᠡᠳᠭᠡᠭᠦ ᠶᠢ ᠪᠠᠳᠤᠯᠠᠨ᠎ᠠ᠃ | ᠪᠤᠳᠤᠯᠭ᠎ᠠ ᠶᠢᠨ ᠨᠠᠷᠢᠯᠢᠭ ᠤᠨᠤᠪᠴᠢᠳᠤ ᠬᠡᠷᠡᠭᠵᠢᠭᠦᠯᠥᠯᠳᠡ ᠲᠤᠭᠳᠠᠭᠠᠨ ᠴᠢᠩᠭᠠᠳᠬᠠᠵᠤ᠂ ᠶᠠᠳᠠᠭᠤ ᠶᠢ | ᠲᠡᠳᠭᠦᠨ ᠭᠥᠴᠢᠷᠳᠡᠯ ᠢ ᠲᠤᠰᠠᠯᠠᠬᠤ ᠲᠤᠭᠳᠠᠴᠠ ᠪᠥᠷᠢᠳᠥᠭᠦᠯᠥᠨᠡ᠃ ᠲᠤᠰᠬᠠᠢ ᠲᠥᠷᠥᠯ᠂ ᠠᠵᠢᠯ ᠮᠡᠷᠭᠡᠵᠢᠯ ᠪᠠ | ᠨᠡᠶᠢᠭᠡᠮ ᠤᠨ ᠲᠠᠯ᠎ᠠ ᠪᠠᠷ ᠶᠠᠳᠠᠭᠤ ᠶᠢ ᠲᠡᠳᠭᠦᠭᠦ ᠬᠤᠯᠪᠤᠭᠠᠯᠠᠭᠰᠠᠨ ᠲᠤᠭᠳᠠᠴᠠ ᠶᠢ ᠲᠡᠭᠦᠯᠳᠡᠷᠵᠢᠭᠦᠯᠥᠨ᠂ ᠠᠵᠤ | ᠥᠢᠯᠡᠰ ᠢᠶᠠᠷ ᠲᠤᠯᠭᠠᠭᠤᠷᠢᠯᠠᠭᠤᠯᠤᠨ ᠬᠤᠪᠢ ᠪᠡᠶ᠎ᠡ ᠶᠢᠨ ᠬᠢᠨᠢ ᠭᠥᠭᠵᠢᠯᠳᠡ ᠶᠢᠨ ᠴᠢᠳᠠᠪᠤᠷᠢ ᠶᠢ ᠨᠢ | ᠲᠡᠭᠡᠭᠰᠢᠯᠡᠭᠦᠯᠵᠥ᠂ ᠶᠠᠳᠠᠭᠤ ᠠᠴᠠ ᠠᠩᠬᠢᠵᠢᠷᠠᠭᠤᠯᠤᠭᠰᠠᠨ ᠠᠵᠢᠯ ᠤᠨ ᠪᠥᠳᠥᠮᠵᠢ ᠪᠠᠨ ᠪᠠᠳᠤᠳᠬᠠᠨ᠂ ᠶᠠᠳᠠᠭᠤ | ᠭᠥᠴᠢᠷᠳᠡᠯᠳᠤ ᠭᠥᠮᠥᠨ ᠠᠮᠠ ᠶᠢᠨ ᠤᠯᠠᠰᠢᠷᠡᠬᠤ ᠶᠢ ᠡᠷᠡᠰ ᠰᠡᠷᠭᠡᠶᠢᠯᠡᠨ᠎ᠡ︔ ᠶᠠᠳᠠᠭᠤ ᠶᠢ ᠲᠡᠳᠭᠦᠭᠦ ᠠᠷᠭ᠎ᠠ ᠠᠪᠴᠠᠯ | ᠢ ᠰᠢᠨᠡᠴᠢᠯᠡᠨ᠂ ᠶᠠᠳᠠᠭᠤ ᠶᠢ ᠲᠡᠳᠭᠦᠭᠦ ᠪᠠᠷ ᠲᠠᠶᠢᠴᠢᠯᠠᠭᠤᠯᠤᠭᠰᠠᠨ ᠨᠥᠭᠦᠪᠥᠷᠢ ᠤᠯᠭᠤᠬᠤ ᠲᠥᠷᠥ ᠶᠢᠨ ᠪᠤᠳᠤᠯᠭ᠎ᠠ | ᠲᠤᠭᠳᠠᠭᠠᠵᠤ᠂ ᠲᠠᠶᠢᠴᠢᠯᠠᠨ ᠲᠠᠭᠠᠭᠤᠯᠤᠭᠴᠢ ᠠᠵᠤ ᠠᠬᠤᠶᠢᠯᠠᠯ ᠪᠤᠯᠤᠨ ᠲᠤᠰᠬᠠᠢ ᠬᠠᠮᠳᠤᠷᠠᠯ ᠬᠤᠷᠰᠢᠶ᠎ᠠ ᠶᠢᠨ | ᠶᠠᠳᠠᠭᠤ ᠡᠷᠥᠭᠡ ᠶᠢᠨ ᠡᠬᠢ ᠰᠤᠷᠪᠤᠯᠵᠢ ᠭᠥᠷᠥᠩᠭᠡ ᠬᠤᠭᠰᠢᠯ ᠢ ᠴᠡᠭᠴᠡᠵᠢᠭᠦᠯᠥᠨ ᠨᠢᠭᠡᠳᠭᠡᠭᠦ ᠶᠢ ᠵᠤᠷᠢᠭᠵᠢᠭᠤᠯᠤᠨ᠂ | ᠠᠰᠢᠭ ᠬᠤᠨᠵᠢᠪᠤᠷᠢ ᠨᠢᠭᠳᠠ ᠬᠤᠯᠪᠤᠯᠳᠤᠭᠰᠠᠨ ᠭᠥᠭᠵᠢᠯᠳᠡ ᠶᠢᠨ ᠬᠠᠮ ᠴᠤᠭᠴᠠ ᠪᠤᠯᠤᠨ ᠪᠥᠷᠢᠯᠳᠥᠭᠦᠯᠵᠥ᠂ | ᠶᠠᠳᠠᠭᠤ ᠭᠥᠴᠢᠷᠳᠡᠯᠳᠡᠢ ᠭᠥᠮᠥᠨ ᠠᠮᠠ ᠶᠢᠨ ᠡᠬᠢ ᠰᠤᠷᠪᠤᠯᠵᠢ ᠶᠢᠨ ᠠᠰᠢᠭᠯᠠᠯᠳᠠ ᠶᠢ ᠭᠥᠨᠵᠡᠭᠡᠶᠢᠷᠡᠭᠦᠯᠥᠨ᠂ ︽ᠲᠡᠰ | ᠴᠢᠨᠠᠷᠳᠤ ᠮᠠᠯ ᠲᠠᠷᠢᠶᠠᠯᠠᠩ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ᠂ ᠪᠤᠯᠪᠠᠰᠤᠷᠠᠯ ᠰᠠᠶᠢᠳᠠᠢ ᠮᠠᠯᠴᠢᠨ | ᠲᠠᠷᠢᠶᠠᠴᠢᠳ︾ ᠤᠨ ᠪᠤᠳᠤᠯᠭ᠎ᠠ ᠪᠤᠯᠤᠨ ᠪᠥᠭᠦ ᠴᠠᠷᠠᠭᠠᠨ ᠤ ᠵᠢᠭᠤᠯᠴᠢᠯᠠᠯ ᠤᠨ ᠪᠠᠶᠢᠭᠤᠯᠤᠯᠳᠠ ᠶᠢᠨ ᠥᠷ᠎ᠡ | ᠪᠥᠳᠥᠭᠡᠯ ᠢ ᠡᠳ᠋ᠯᠡᠭᠦᠯᠥᠨ ᠨᠡᠷ᠎ᠡ ᠲᠥᠷᠥ ᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠭᠥᠢᠴᠡᠳᠭᠡᠨ᠎ᠡ︔ | ᠲᠤᠭᠳᠠᠮᠠᠯ ᠪᠤᠰᠤ ᠬᠢᠨᠠᠨ ᠬᠡᠮᠵᠢᠯᠳᠡ ᠶᠢ ᠴᠢᠩᠭᠠᠳᠬᠠᠨ᠂ ᠪᠥᠭᠦ ᠭᠤᠭᠴᠤᠭᠠᠨ ᠳᠤ ᠮᠥᠷᠳᠡᠨ ᠯᠠᠪᠯᠠᠵᠤ᠂ ᠶᠠᠳᠠᠭᠤᠷᠠᠯ | ᠤᠨ ᠨᠤᠷᠮ᠎ᠠ ᠶᠢ ᠥᠷᠭᠦᠯᠵᠢᠯᠡᠨ ᠪᠠᠭᠤᠷᠠᠭᠤᠯᠤᠨ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠤᠨ | ᠴᠢᠨᠠᠷᠵᠢᠯ ᠢ ᠪᠠᠳᠤᠯᠠᠵᠤ᠂ ᠪᠥᠭᠦ ᠲᠠᠯ᠎ᠠ ᠪᠠᠷ ᠴᠢᠨᠡᠭᠡᠯᠢᠭ ᠨᠡᠶᠢᠭᠡᠮ ᠳᠤ ᠲᠠᠪᠰᠢᠬᠤ ᠳᠤ ᠠᠯᠢᠨ ᠢ ᠴᠤ | ᠤᠷᠬᠢᠭᠳᠠᠭᠤᠯᠬᠤ ᠥᠭᠡᠢ ᠪᠠᠶᠢᠬᠤ ᠶᠢ ᠪᠠᠳᠤᠯᠠᠨ᠎ᠠ᠃ | ᠨᠡᠶᠢᠭᠡᠮ ᠤᠨ ᠵᠠᠰᠠᠯᠳᠠ ᠶᠢ ᠰᠢᠨᠡᠴᠢᠯᠡᠨ᠂ ᠤᠯᠠᠨ ᠨᠡᠶᠢᠳᠡ ᠶᠢᠨ ᠠᠮᠤᠷ ᠲᠥᠪᠰᠢᠨ ᠤ ᠰᠢᠰᠲ᠋ᠧᠮ ᠢ | ᠴᠤᠭᠴᠠᠯᠠᠨ᠎ᠠ᠃ ᠥᠭᠬᠢᠶᠡᠮᠤᠷ ᠨᠠᠶᠢᠷᠠᠮᠳᠠᠭᠤ ᠲᠠᠯ᠎ᠠ ᠨᠤᠳᠤᠭ᠂ ᠥᠵᠡᠰᠭᠦᠯᠡᠩᠳᠤ ᠰᠠᠶᠢᠬᠠᠨ ᠡᠮᠥᠨᠡᠳᠥ ᠤᠳᠤᠭ ᠤᠨ | ᠨᠡᠶᠢᠭᠡᠮ ᠤᠨ ᠵᠠᠰᠠᠯᠳᠠ ᠶᠢᠨ ᠠᠵᠢᠯ ᠢ ᠭᠥᠨᠵᠡᠭᠡᠢ ᠬᠡᠷᠡᠭᠵᠢᠭᠦᠯᠵᠥ᠂ ᠠᠶᠤᠯᠭᠦᠢ ᠥᠢᠯᠡᠳᠪᠥᠷᠢᠯᠡᠯ ᠤᠨ ᠬᠠᠷᠢᠭᠤᠴᠠᠯᠭ᠎ᠠ | ᠶᠢᠨ ᠲᠥᠷᠢᠮ ᠢ ᠴᠢᠩᠭ᠎ᠠ ᠲᠤᠤᠱᠯᠠᠭᠤᠯᠤᠨ᠂ ᠪᠥᠭᠦ ᠶᠠᠪᠤᠴᠠ ᠶᠢᠨ ᠠᠯᠭᠠᠰᠠᠯ ᠥᠭᠡᠢ ᠬᠢᠨᠠᠯᠳᠠ ᠬᠠᠮᠢᠶᠠᠷᠤᠯᠳᠠ ᠶᠢᠨ | ᠰᠢᠰᠲ᠋ᠧᠮ ᠢ ᠴᠤᠭᠴᠠᠯᠠᠵᠤ᠂ ᠡᠯ᠎ᠡ ᠵᠥᠢᠯ ᠤᠨ ᠠᠮᠤᠷ ᠲᠥᠪᠰᠢᠨ ᠤ ᠭᠡᠮ ᠰᠤᠭᠤᠭ ᠢ ᠡᠬᠢ ᠡᠭᠦᠰᠥᠯ ᠠᠴᠠ ᠨᠢ | ᠠᠷᠢᠯᠭᠠᠨ᠂ ᠨᠤᠴᠢᠳᠠᠢ ᠠᠶᠤᠯ ᠭᠡᠨᠡᠳᠡᠯ ᠡᠭᠦᠰᠭᠦ ᠶᠢ ᠡᠷᠡᠰ ᠬᠤᠷᠢᠭᠯᠠᠨ᠎ᠠ᠃ ᠵᠠᠬᠢᠳᠠᠯ ᠰᠤᠷᠪᠤᠯᠵᠢᠯᠠᠭ᠎ᠠ ᠠᠮᠤᠷ | ᠲᠤᠭᠳᠠᠭᠤᠨ ᠤ ᠠᠵᠢᠯ ᠢ ᠴᠢᠩᠭᠠᠳᠬᠠᠨ᠂ ᠢᠯᠡ ᠲᠤᠳᠤ ᠬᠠᠷᠢᠭᠤᠴᠠᠯᠭ᠎ᠠ ᠬᠤᠪᠢᠳᠠᠭᠰᠠᠨ ᠮᠥᠷᠳᠡᠭᠡᠨ ᠬᠠᠤᠯᠢ ᠪᠠᠷ | ᠵᠠᠰᠠᠬᠤ ᠵᠠᠬᠢᠳᠠᠯ ᠰᠤᠷᠪᠤᠯᠵᠢᠯᠠᠭ᠎ᠠ ᠭᠡᠷᠡᠭᠵᠢᠭᠦᠯᠵᠥ᠂ ᠡᠯ᠎ᠡ ᠲᠥᠷᠥᠯ ᠤᠨ ᠵᠥᠷᠢᠴᠡᠯ ᠵᠢᠭᠤᠷᠭᠠᠨ ᠢ ᠤᠷᠢᠳᠴᠢᠯᠠᠨ | ᠰᠡᠷᠭᠡᠶᠢᠯᠡᠭᠦ ᠪᠠ ᠲᠤᠬᠢᠳᠠᠢ ᠰᠢᠢᠳᠪᠥᠷᠢᠯᠡᠨ᠎ᠡ᠃ ᠢᠳᠡᠭᠡᠨ ᠡᠮ ᠤᠨ ᠵᠥᠢᠯ ᠤᠨ ᠠᠮᠤᠷ ᠲᠥᠪᠰᠢᠨ ᠤ ᠬᠢᠨᠠᠯᠳᠠ | ᠬᠠᠮᠢᠶᠠᠷᠤᠯᠳᠠ ᠶᠢ ᠴᠢᠩᠭᠠᠳᠬᠠᠨ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠥᠪᠰᠢᠨ ᠢ ᠪᠠᠳᠤᠯᠠᠨ᠎ᠠ᠃ ︽ | ᠠᠮᠤᠷ ᠠᠮᠤᠭᠤᠯᠠᠩ ᠤᠳᠤᠭ ᠤᠨ ᠡᠮᠥᠨᠡᠳᠥ ᠬᠤᠰᠢᠭᠤ︾ ᠶᠢᠨ ᠪᠠᠶᠢᠭᠤᠯᠤᠯᠳᠠ ᠶᠢ ᠴᠢᠩᠭᠠᠳᠬᠠᠨ᠂ ᠪᠥᠭᠦ ᠲᠠᠯ᠎ᠠ | ᠶᠢᠨ ᠵᠠᠩᠬᠢᠴᠢᠯᠠᠭᠰᠠᠨ ᠨᠡᠶᠢᠭᠡᠮ ᠤᠨ ᠵᠠᠰᠠᠯᠳᠠ ᠶᠢᠨ ᠰᠡᠷᠭᠡᠶᠢᠯᠡᠨ ᠡᠵᠡᠮᠰᠢᠭᠦ ᠲᠤᠭᠳᠠᠴᠠ ᠶᠢ ᠲᠡᠭᠦᠯᠳᠡᠷᠵᠢᠭᠦᠯᠵᠥ᠂ | ᠰᠥᠯᠵᠢᠶᠡᠨ ᠴᠤᠤᠷᠬᠠᠯ ᠬᠢᠭᠡᠳ ᠨᠡᠶᠢᠭᠡᠮ ᠤᠨ ᠠᠮᠤᠷ ᠲᠤᠭᠳᠠᠭᠤᠨ ᠳᠤ ᠨᠥᠯᠥᠭᠡ ᠪᠥᠭᠦᠢ ᠠᠰᠠᠭᠤᠳᠠᠯ ᠤᠳ ᠢ | ᠬᠢᠨᠠᠬᠤ ᠮᠠᠭᠠᠳᠯᠠᠬᠤ ᠰᠡᠷᠭᠡᠶᠢᠯᠡᠭᠦ ᠪᠠ ᠰᠢᠢᠳᠪᠥᠷᠢᠯᠡᠭᠦ ᠭᠥᠴᠥᠯᠡᠴᠡ ᠪᠠᠨ ᠴᠢᠩᠭᠠᠳᠬᠠᠵᠤ᠂ ᠡᠯ᠎ᠡ ᠲᠥᠷᠥᠯ ᠤᠨ | ᠬᠠᠤᠯᠢ ᠪᠤᠰᠤ ᠠᠵᠢᠯᠯᠠᠭ᠎ᠠ ᠳᠤ ᠡᠷᠡᠰ ᠴᠤᠬᠢᠯᠳᠠ ᠥᠭᠭᠦᠨ᠂ ᠠᠷᠠᠳ ᠨᠡᠶᠢᠳᠡ ᠶᠢᠨ ᠠᠮᠤᠷ ᠲᠠᠶᠢᠪᠤᠩ ᠢ ᠥᠨᠡᠨ ᠭᠦ | ᠬᠠᠮᠠᠭᠠᠯᠠᠨ᠎ᠠ᠃ | ︵ᠭᠤᠷᠪᠠ︶ ᠠᠮᠢ ᠠᠬᠤᠶᠢᠴᠢ ᠭᠥᠭᠵᠢᠯᠳᠡ ᠶᠢ ᠨᠡᠩ ᠲᠤᠪᠤᠶᠢᠯᠭᠠᠨ᠂ ᠨᠡᠩ ᠭᠤᠴᠤ ᠰᠠᠶᠢᠬᠠᠨ ᠪᠠᠶᠢᠭᠠᠯᠢ | ᠤᠷᠴᠢᠨ ᠢ ᠠᠷᠠᠳ ᠲᠤ ᠡᠳ᠋ᠯᠡᠭᠦᠯᠥᠨᠡ᠃ ︽ᠭᠥᠭᠡᠮᠳᠥᠭ ᠨᠤᠭᠤᠭᠠᠨ ᠠᠭᠤᠯᠠ ᠤᠰᠤ ᠪᠤᠯ ᠠᠯᠳᠠ ᠮᠥᠩᠭᠦᠨ | ᠠᠭᠤᠯᠠ ᠤᠰᠤ︾ ᠭᠡᠰᠡᠨ ᠭᠥᠭᠵᠢᠯᠳᠡ ᠶᠢᠨ ᠤᠶᠢᠯᠠᠭᠠᠯᠳᠠ ᠶᠢ ᠪᠠᠳᠤᠳᠬᠠᠨ᠂ ᠠᠮᠢ ᠠᠬᠤᠢ ᠶᠢᠨ ᠰᠤᠳᠤᠨ | ᠪᠥᠳᠥᠭᠡᠭᠳᠡᠭᠦᠨ ᠨᠡᠩ ᠤᠯᠠᠨ ᠬᠩᠭᠠᠵᠤ᠂ ᠠᠷᠠᠳ ᠤᠯᠠᠨ ᠤ ᠡᠳᠥᠷ ᠢᠷᠡᠭᠦᠶ᠎ᠡ ᠨᠡᠮᠡᠭᠳᠡᠵᠥ ᠪᠤᠢ ᠲᠤᠬᠢᠳᠠᠢ ᠤᠷᠴᠢᠨ | ᠤ ᠱᠠᠭᠠᠷᠳᠠᠯᠭ᠎ᠠ ᠶᠢ ᠬᠠᠩᠭᠠᠨ᠎ᠠ᠃ | ᠥᠢᠯᠡᠳᠪᠥᠷᠢᠯᠡᠯ ᠠᠮᠢᠳᠤᠷᠠᠯ ᠬᠤᠶᠠᠷ ᠲᠠᠯ᠎ᠠ ᠠᠴᠠ ᠭᠠᠷᠳᠠᠵᠤ᠂ ᠠᠮᠢ ᠠᠬᠤᠢ ᠡᠬᠢ ᠰᠤᠷᠪᠤᠯᠵᠢ ᠶᠢ | ᠴᠢᠷᠮᠠᠶᠢᠨ ᠴᠡᠪᠡᠷᠰᠢᠭᠦᠯᠥᠨᠡ᠃ ᠪᠤᠬᠢᠷᠳᠤᠯ ᠥᠭᠡᠢ ᠥᠢᠯᠡᠳᠪᠥᠷᠢᠯᠡᠯ ᠢ ᠢᠳᠡᠪᠬᠢᠳᠡᠢ ᠠᠬᠢᠭᠤᠯᠵᠤ᠂ ᠲᠡᠷᠢᠭᠦᠨ ᠤ | ᠭᠥᠭᠵᠢᠭᠰᠡᠨ ᠥᠢᠯᠡᠳᠪᠥᠷᠢᠯᠡᠯ ᠤᠨ ᠴᠢᠳᠠᠮᠵᠢ ᠶᠢ ᠭᠥᠬᠢᠭᠦᠯᠵᠤ᠂ ᠠᠵᠤ ᠥᠢᠯᠡᠰ ᠤᠨ ᠬᠡᠯᠬᠢᠶ᠎ᠡ ᠶᠢ ᠤᠷᠳᠤᠰᠬᠠᠨ | ᠡᠬᠢ ᠰᠤᠷᠪᠤᠯᠵᠢ ᠶᠢᠨ ᠠᠰᠢᠭᠯᠠᠯᠳᠠ ᠶᠢ ᠲᠡᠭᠡᠭᠰᠢᠯᠡᠭᠦᠯᠵᠥ᠂ ᠬᠤᠷᠤᠭᠳᠠᠯ ᠪᠠᠭᠠᠳᠤ ᠡᠷᠬᠢᠯᠳᠡᠳᠤ ᠠᠵᠤ ᠥᠢᠯᠡᠰ ᠤᠨ | ᠰᠢᠰᠲ᠋ᠧᠮ ᠢ ᠴᠤᠭᠴᠠᠯᠠᠨ᠂ ᠤᠷᠴᠢᠨ ᠲᠤᠭᠤᠷᠢᠨ ᠤ ᠬᠠᠮᠠᠭᠠᠠᠯᠠᠯᠳᠠ ᠪᠤᠯᠤᠨ ᠠᠵᠤ ᠥᠢᠯᠡᠰ ᠤᠨ ᠭᠥᠭᠵᠢᠯᠳᠡ ᠶᠢ | ᠡᠩ ᠵᠡᠷᠭᠡᠳᠡ ᠴᠢᠩᠭᠠᠳᠬᠠᠵᠤ᠂ ᠠᠵᠤ ᠠᠬᠤᠢ ᠶᠢᠨ ᠭᠥᠭᠵᠢᠯᠳᠡ ᠬᠢᠭᠡᠳ ᠠᠮᠢ ᠠᠬᠤᠢ ᠶᠢᠨ ᠰᠠᠶᠢᠵᠢᠷᠠᠯᠳᠠ ᠶᠢ | ᠴᠢᠨᠠᠷᠯᠢᠭ ᠠᠭᠤᠰᠤᠯᠴᠠᠭᠤᠯᠤᠨ᠎ᠠ︔ ᠪᠤᠬᠢᠷᠳᠤᠯ ᠥᠭᠡᠢ ᠠᠮᠢᠳᠤᠷᠠᠯ ᠢ ᠰᠤᠷᠳᠠᠯᠴᠢᠯᠡᠨ᠂ ᠠᠮᠢ ᠠᠬᠤᠢ ᠶᠢᠨ ᠰᠤᠶᠤᠯ | ᠬᠢᠭᠡᠳ ᠠᠮᠢ ᠠᠬᠤᠢ ᠶᠢᠨ ᠤᠬᠠᠮᠰᠠᠷ ᠢ ᠭᠥᠮᠥᠵᠢᠭᠦᠯᠵᠥ᠂ ᠠᠮᠢ ᠠᠬᠤᠢ ᠶᠢᠨ ᠪᠤᠯᠪᠠᠰᠤᠨ ᠢ ᠨᠡᠶᠢᠭᠡᠮ ᠤᠨ | ᠭᠤᠤᠯᠯᠠᠭᠴᠢ ᠥᠷᠳᠡᠭ ᠤᠨ ᠥᠵᠡᠯᠳᠡ ᠪᠤᠯᠭᠠᠨ᠎ᠠ᠃ ᠵᠠᠮ ᠠᠶᠠᠯᠠᠯ ᠬᠢᠭᠡᠳ ᠭᠡᠷᠡᠭᠯᠡᠭᠡᠨ ᠤ ᠲᠠᠯ᠎ᠠ ᠪᠠᠷ ᠪᠤᠬᠢᠷᠳᠤᠯ | ᠬᠤᠷᠤᠭᠳᠠᠯ ᠢ ᠪᠠᠭᠠᠰᠬᠠᠬᠤ ᠶᠢ ᠵᠤᠷᠢᠭᠵᠢᠭᠤᠯᠤᠨ᠂ ᠰᠠᠭᠤᠭᠠᠯᠢ ᠠᠷᠠᠳ ᠤᠳ ᠠᠮᠢᠳᠤᠷᠠᠯ ᠳᠤ ᠪᠠᠨ ᠠᠵᠢᠯᠴᠢ | ᠠᠷᠪᠢᠴᠢ ᠰᠤᠷᠳᠠᠯᠳᠠᠢ᠂ ᠪᠤᠬᠢᠷᠳᠤᠯ ᠬᠤᠷᠤᠭᠳᠠᠯ ᠪᠠᠭᠠᠳᠠᠢ᠂ ᠪᠤᠯᠪᠠᠰᠤᠨ ᠴᠢᠬᠢᠷᠠᠭ ᠮᠤᠷᠠᠯᠳᠠᠢ ᠪᠤᠯᠬᠤ ᠶᠢ | ᠪᠡᠶᠡᠯᠡᠭᠦᠯᠥᠨ᠎ᠡ᠃ | ᠴᠡᠭᠴᠡᠯᠡᠯᠳᠡ ᠵᠠᠰᠠᠯᠳᠠ ᠬᠤᠶᠠᠷ ᠲᠠᠯ᠎ᠠ ᠪᠠᠷ ᠴᠢᠩᠭᠠᠳᠬᠠᠨ᠂ ᠠᠮᠢ ᠠᠬᠤᠢ ᠶᠢᠨ ᠪᠥᠳᠥᠮᠵᠢ ᠪᠠᠨ | ᠭᠥᠴᠥᠯᠡᠨ ᠪᠠᠬᠢᠵᠢᠭᠦᠯᠥᠨ᠎ᠡ᠃ ᠭᠠᠵᠠᠷ ᠲᠤᠤᠷᠠᠬᠢ ᠤᠰᠤᠨ ᠤ ᠨᠡᠭᠡᠭᠡᠨ ᠠᠰᠢᠭᠯᠠᠯᠳᠠ ᠶᠢᠨ ᠬᠠᠷᠢᠭᠤᠴᠠᠯᠭ᠎ᠠ | ᠨᠡᠭᠡᠮᠵᠢᠯᠡᠭᠦ ᠲᠥᠷᠢᠮ ᠲᠤᠭᠳᠠᠭᠠᠨ᠂ ᠬᠡᠳᠥᠷᠭᠡᠢ ᠤᠰᠤ ᠭᠡᠷᠡᠭᠯᠡᠭᠰᠡᠨ ᠭᠠᠵᠠᠷ ᠤᠷᠤᠨ ᠳᠤ ︽ᠬᠤᠳᠳᠤᠭ ᠢ | ᠪᠢᠳᠡᠭᠦᠮᠵᠢᠯᠡᠨ ᠲᠠᠷᠢᠶᠠᠨ ᠭᠠᠵᠠᠷ ᠢ ᠪᠠᠭᠠᠰᠬᠠᠬᠤ︾ ᠠᠪᠴᠠᠯ ᠠᠪᠴᠤ᠂ ᠠᠰᠢᠭᠯᠠᠯᠳᠠ ᠨᠥᠭᠦᠯᠳᠡ ᠶᠢ ᠠᠭᠠᠵᠢᠮ ᠢᠶᠠᠷ | ᠲᠡᠩᠴᠡᠭᠦᠷᠢᠰᠢᠭᠦᠯᠥᠨᠡ︔ ᠭᠤᠤᠯ ᠤᠨ ᠲᠠᠷᠤᠭᠠᠴᠢ ᠶᠢᠨ ᠲᠥᠷᠢᠮ ᠢ ᠪᠥᠭᠦ ᠲᠠᠯ᠎ᠠ ᠪᠠᠷ ᠭᠡᠷᠡᠭᠵᠢᠭᠦᠯᠥᠨ᠂ ᠤᠷᠤᠰᠬᠠᠯ | ᠤᠨ ᠡᠬᠢ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠤ᠂ ᠬᠤᠳᠠ ᠭᠥᠳᠡᠭᠡ ᠶᠢᠨ ᠤᠷᠴᠢᠨ | ᠲᠤᠭᠤᠷᠢᠨ ᠤ ᠵᠠᠰᠠᠯᠳᠠ ᠶᠢ ᠴᠡᠪᠡᠷ ᠲᠢᠭᠯᠢᠮ ᠲᠠᠢ ᠪᠤᠯᠭᠠᠬᠤ ᠲᠥᠷᠢᠮ ᠢ ᠤᠷᠳᠤ ᠬᠤᠭᠤᠴᠠᠭᠠᠨ᠎ᠠ ᠪᠠᠷᠢᠮᠳᠠᠯᠠᠨ᠂ | ᠥᠵᠡᠰᠭᠦᠯᠡᠩᠳᠤ ᠨᠤᠳᠤᠭ ᠤᠰᠤᠨ ᠤ ᠪᠠᠨ ᠪᠠᠶᠢᠭᠤᠯᠤᠯᠳᠠ ᠶᠢᠨ ᠥᠷ᠎ᠡ ᠪᠥᠳᠥᠭᠡᠯ ᠢ ᠬᠠᠮᠠᠭᠠᠯᠠᠨ᠎ᠠ᠃ ᠠᠮᠢ | ᠠᠬᠤᠶᠢᠴᠢ ᠠᠵᠤ ᠠᠬᠤᠢ ᠶᠢᠨ ᠭᠥᠭᠵᠢᠯᠳᠡ ᠶᠢ ᠲᠥᠷᠭᠡᠳᠭᠡᠨ᠂ ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ | ᠥᠷᠭᠦᠯᠵᠢᠯᠡᠵᠥ ᠭᠡᠷᠡᠭᠵᠢᠭᠦᠯᠥᠨ᠂ ᠤᠢ ᠰᠢᠭᠤᠢ ᠶᠢᠨ ᠪᠥᠷᠭᠦᠴᠡ ᠶᠢᠨ ᠨᠤᠷᠮ᠎ᠠ ᠶᠢ 25% ᠲᠠᠪᠠᠭᠤᠯᠵᠤ᠂ | ᠤᠷᠭᠤᠮᠠᠯ ᠪᠥᠷᠭᠦᠪᠴᠢ ᠶᠢᠨ ᠨᠤᠷᠮ᠎ᠠ ᠶᠢ 50% ᠠᠴᠠ ᠲᠡᠭᠡᠭᠰᠢ ᠲᠤᠭᠳᠠᠪᠤᠷᠢᠵᠢᠭᠤᠯᠤᠨ᠂ ᠤᠯᠤᠰ ᠤᠨ ᠠᠮᠢ | ᠠᠬᠤᠶᠢᠴᠢ ᠠᠵᠤ ᠥᠢᠯᠡᠳᠪᠥᠷᠢ ᠶᠢᠨ ᠵᠢᠱᠢᠶᠡᠴᠢ ᠤᠷᠤᠨ ᠪᠤᠯᠤᠨ ᠤᠯᠤᠰ ᠤᠨ ᠠᠮᠢ ᠠᠬᠤᠢ ᠶᠢᠨ ᠪᠤᠯᠪᠠᠰᠤᠨ ᠤ | ᠵᠢᠱᠢᠶᠡᠴᠢ ᠬᠤᠰᠢᠭᠤ ᠶᠢ ᠴᠤᠭᠴᠠᠯᠠᠨ᠎ᠠ᠃ | ᠬᠠᠮᠢᠶᠠᠷᠤᠯᠳᠠ ᠬᠠᠮᠠᠭᠠᠯᠠᠯᠳᠠ ᠬᠢᠭᠡᠳ ᠬᠠᠤᠯᠢ ᠭᠡᠷᠡᠭᠵᠢᠭᠦᠯᠥᠯᠳᠡ ᠬᠤᠶᠠᠷ ᠲᠠᠯ᠎ᠠ ᠪᠠᠷ ᠪᠠᠷᠢᠮᠳᠠᠯᠠᠨ᠂ ᠠᠮᠢ | ᠠᠬᠤᠢ ᠶᠢᠨ ᠬᠤᠷᠢᠭᠯᠠᠯᠳᠠ ᠶᠢᠨ ᠱᠤᠭᠤᠮ ᠢ ᠪᠠᠬᠢᠵᠢᠭᠦᠯᠥᠨ᠎ᠡ᠃ ᠠᠮᠢ ᠠᠬᠤᠢ ᠶᠢᠨ ᠬᠤᠷᠢᠭ᠎ᠠ ᠱᠤᠭᠤᠮ᠂ ᠢᠮᠠᠭᠳᠠ | ᠶᠢᠨ ᠥᠨᠳᠥᠰᠤᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠯᠳᠡ ᠭᠥᠭᠵᠢᠭᠦᠯᠥᠯᠳᠡ ᠶᠢᠨ ᠵᠠᠭᠠᠭ ᠰᠠᠪᠠ ᠭᠡᠭᠦ | ᠭᠤᠷᠪᠠᠨ ᠬᠤᠷᠢᠭ᠎ᠠ ᠱᠤᠭᠤᠮ ᠢ ᠪᠠᠳᠤ ᠰᠠᠬᠢᠵᠤ᠂ ᠤᠰᠤ ᠪᠠᠷ ᠨᠡᠭᠡᠭᠡᠯᠳᠡ ᠬᠢᠭᠦ ᠶᠢ ᠲᠤᠭᠳᠠᠭᠠᠬᠤ ᠪᠤᠯᠤᠨ ᠪᠡᠯᠴᠢᠭᠡᠷ | ᠤᠨ ᠪᠠᠭᠳᠠᠭᠠᠮᠵᠢ ᠪᠠᠷ ᠮᠠᠯ ᠤᠨ ᠲᠤᠭ᠎ᠠ ᠲᠤᠯᠤᠭᠠᠢ ᠲᠤᠭᠳᠠᠭᠠᠬᠤ ᠶᠢ ᠪᠠᠷᠢᠮᠳᠠᠯᠠᠨ᠂ ᠪᠡᠯᠴᠢᠭᠡᠷᠯᠡᠭᠦᠯᠭᠦ ᠶᠢ | ᠬᠤᠷᠢᠭᠯᠠᠬᠤ ᠪᠠ ᠰᠡᠯᠭᠦᠨ ᠮᠠᠯᠵᠢᠬᠤ ᠶᠢ ᠴᠢᠩᠭ᠎ᠠ ᠪᠠᠷᠢᠮᠳᠠᠯᠠᠵᠤ᠂ ᠠᠳᠠᠷ ᠬᠠᠭᠠᠯᠪᠤᠷᠢᠯᠠᠵᠤ ᠤᠰᠤᠯᠠᠯᠳᠠ ᠬᠢᠭᠦ ᠪᠠ | ᠤᠰᠤᠯᠠᠯᠳᠠ ᠶᠢᠨ ᠲᠠᠷᠢᠶ᠎ᠠ ᠨᠡᠮᠡᠵᠥ ᠥᠷᠭᠡᠳᠭᠡᠭᠦ ᠶᠢ ᠲᠠᠰᠤ ᠬᠤᠷᠢᠭᠯᠠᠨ᠂ ᠮᠠᠯ ᠲᠠᠷᠢᠶᠠᠯᠠᠩ ᠤᠰᠤᠨ ᠶᠠᠪᠤᠳᠠᠯ ᠤᠨ | ᠶᠡᠷᠥᠩᠭᠡᠶᠢᠯᠡᠭᠰᠡᠨ ᠬᠠᠤᠯᠢ ᠬᠡᠷᠡᠭᠵᠢᠭᠦᠯᠥᠯᠳᠡ ᠪᠤᠯᠤᠨ ᠤᠯᠠᠨ ᠰᠠᠯᠠᠭ᠎ᠠ ᠮᠥᠴᠢᠷ ᠬᠤᠯᠪᠤᠭᠠᠯᠠᠨ ᠬᠠᠤᠯᠢ ᠬᠡᠷᠡᠭᠵᠢᠭᠦᠯᠭᠦ | ᠠᠪᠴᠠᠯ ᠢ ᠬᠡᠷᠡᠭᠵᠢᠭᠦᠯᠥᠨ᠂ ᠬᠠᠤᠯᠢ ᠭᠡᠷᠡᠭᠵᠢᠭᠦᠯᠥᠯᠳᠡ ᠶᠢᠨ ᠬᠠᠮ ᠭᠥᠴᠥᠨ ᠢ ᠪᠥᠷᠢᠳᠥᠭᠦᠯᠥᠨᠡ᠃ ᠤᠷᠴᠢᠨ | ᠲᠤᠭᠤᠷᠢᠨ ᠤ ᠬᠢᠨᠠᠯᠳᠠ ᠬᠠᠮᠢᠶᠠᠷᠤᠯᠳᠠ ᠶᠢᠨ ᠪᠥᠭᠦ ᠲᠠᠯ᠎ᠠ ᠶᠢᠨ ᠬᠠᠮᠤᠷᠤᠯᠳᠠ ᠶᠢ ᠠᠬᠢᠭᠤᠯᠵᠤ᠂ ᠤᠷᠴᠢᠨ ᠲᠤᠭᠤᠷᠢᠨ | ᠡᠪᠳᠡᠭᠰᠡᠨ ᠬᠠᠤᠯᠢ ᠪᠤᠰᠤ ᠡᠯᠳᠡᠪ ᠶᠠᠯᠠᠳᠤ ᠠᠵᠢᠯᠯᠠᠭ᠎ᠠ ᠨᠤᠭᠤᠳ ᠲᠤ ᠤᠨᠤᠴᠢᠳᠠᠢ ᠴᠢᠩᠭ᠎ᠠ ᠴᠤᠬᠢᠯᠳᠠ ᠥᠭᠴᠥ᠂ | ᠬᠠᠤᠯᠢ ᠰᠠᠬᠢᠯᠭ᠎ᠠ ᠶᠢ ᠡᠷᠡᠰ ᠴᠢᠩᠭ᠎ᠠ ᠵᠢᠷᠤᠮᠯᠠᠭᠤᠯᠤᠨ᠂ ᠠᠮᠢ ᠠᠬᠤᠢ ᠶᠢᠨ ᠬᠤᠷᠢᠭ᠎ᠠ ᠱᠤᠭᠤᠮ ᠤᠨ ᠬᠠᠮᠠᠭᠠᠯᠠᠯᠳᠠ | ᠶᠢ ︽ᠬᠠᠯᠳᠠᠰᠢ ᠥᠭᠡᠢ ᠲᠠᠷᠬᠠᠨ ᠬᠢᠯᠢ︾ ᠪᠤᠯᠭᠠᠨ᠎ᠠ᠃ | ︵ᠲᠥᠷᠪᠡ︶ ᠥᠭᠡᠷᠡᠴᠢᠯᠡᠯᠳᠡ ᠰᠢᠨᠡᠴᠢᠯᠡᠯᠳᠡ ᠶᠢ ᠭᠥᠨᠵᠡᠭᠡᠢ ᠠᠬᠢᠭᠤᠯᠵᠤ᠂ ᠨᠡᠩ ᠠᠮᠢᠳᠤᠯᠢᠭ | ᠲᠤᠭᠳᠠᠴᠠ ᠪᠠᠶᠢᠭᠤᠯᠥᠮᠵᠢ ᠪᠠᠷ ᠠᠷᠠᠳ ᠲᠤ ᠲᠥᠭᠦᠮ ᠥᠵᠡᠭᠦᠯᠥᠨ᠎ᠡ᠃ ᠲᠡᠭᠡᠳᠤ ᠱᠠᠳᠤᠨ ᠤ ᠥᠭᠡᠷᠡᠴᠢᠯᠡᠯᠳᠡ | ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠵᠤ᠂ ᠥᠭᠡᠷᠡᠴᠢᠯᠡᠯᠳᠡ ᠶᠢᠨ ᠨᠠᠷᠢᠪᠴᠢ ᠲᠤᠤᠱᠯᠠᠯᠳᠠ ᠶᠢᠨ ᠴᠢᠳᠠᠮᠵᠢ | ᠶᠢ ᠲᠡᠭᠡᠭᠰᠢᠯᠡᠭᠦᠯᠥᠨ᠂ ᠥᠭᠡᠷᠡᠴᠢᠯᠡᠯᠳᠡ ᠶᠢᠨ ᠠᠰᠢᠭ ᠢ ᠭᠥᠢᠴᠡᠳ ᠪᠠᠳᠠᠷᠭᠤᠯᠤᠨ᠂ ᠤᠳᠤᠭ ᠤᠨ ᠡᠮᠥᠨᠡᠳᠤ | ᠬᠤᠰᠢᠭᠤᠨ ᠤ ᠤᠨᠴᠠᠯᠢᠭ ᠢ ᠪᠠᠳᠠᠷᠠᠭᠤᠯᠤᠭᠰᠠᠨ ᠨᠢᠭᠡ ᠰᠢᠷᠢᠰ ᠥᠭᠡᠷᠡᠴᠢᠯᠡᠯᠳᠡ ᠶᠢᠨ ᠨᠡᠷᠡᠳᠤ ᠲᠡᠮᠳᠡᠭ ᠬᠢᠭᠡᠳ | ᠰᠤᠳᠤᠨ ᠠᠮᠵᠢᠯᠳᠠ ᠶᠢ ᠪᠥᠷᠢᠳᠥᠭᠦᠯᠥᠨᠡ᠃ | ᠥᠢᠯᠡᠳᠥᠯᠭᠡ ᠬᠡᠷᠡᠭᠯᠡᠯᠳᠡ ᠶᠢ ᠲᠤᠪᠤᠶᠢᠯᠭᠠᠨ᠂ ᠭᠤᠤᠯᠳᠠᠯᠭᠠᠳᠤ ᠬᠥᠷᠢᠶ᠎ᠡ ᠬᠡᠪᠴᠢᠶ᠎ᠡ ᠪᠤᠯᠤᠨ ᠵᠠᠩᠬᠢᠯᠠᠭ᠎ᠠ ᠶᠢᠨ | ᠭᠤᠭᠴᠤᠭᠠᠨ ᠤ ᠥᠭᠡᠷᠡᠴᠢᠯᠡᠯᠳᠡ ᠶᠢ ᠠᠬᠢᠭᠤᠯᠤᠨ᠎ᠠ᠃ ᠥᠭᠡᠷᠡᠴᠢᠯᠡᠯᠳᠡ ᠶᠢᠨ ᠥᠷ᠎ᠡ ᠪᠥᠳᠥᠭᠡᠯ ᠤᠨ | ᠲᠥᠭᠡᠮᠡᠯᠵᠢᠯᠳᠡ ᠭᠡᠷᠡᠭᠯᠡᠯᠳᠡ ᠶᠢ ᠤᠯᠠᠮ ᠲᠡᠭᠡᠭᠰᠢᠯᠡᠭᠦᠯᠵᠥ᠂ ᠠᠮᠢ ᠠᠬᠤᠢ ᠶᠢᠨ ᠪᠤᠯᠪᠠᠰᠤᠨ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ᠂ ᠵᠠᠬ᠎ᠠ ᠲᠡᠯᠭᠡᠭᠦᠷ ᠲᠤ ᠤᠷᠤᠬᠤ ᠲᠥᠷᠢᠮ ᠪᠤᠯᠤᠨ ᠮᠠᠯᠵᠢᠬᠤ ᠲᠠᠷᠢᠶᠠᠯᠠᠬᠤ ᠤᠷᠤᠨ ᠤ | ᠶᠡᠷᠥᠩᠭᠡᠶᠢᠯᠡᠭᠰᠡᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠲᠤᠭᠳᠠᠴᠠ ᠶᠢᠨ ᠲᠠᠪᠬᠤᠷᠭᠠᠨ ᠳᠤ ᠭᠥᠴᠥᠨ ᠵᠥᠢᠯ | ᠤᠨ ᠬᠢᠵᠠᠭᠠᠷᠯᠠᠯ ᠢ ᠡᠪᠳᠡᠵᠥ᠂ ᠭᠥᠭᠵᠢᠯᠳᠡ ᠶᠢᠨ ᠭᠥᠳᠡᠯᠭᠡᠭᠴᠢ ᠭᠥᠴᠥᠨ ᠢ ᠲᠡᠭᠡᠭᠰᠢᠯᠡᠭᠦᠯᠥᠨ᠎ᠡ᠃ ᠪᠡᠯᠡ | ᠤᠷᠤᠭᠤᠯᠬᠤ ᠪᠡᠯᠡ ᠬᠤᠷᠠᠮᠳᠤᠭᠤᠯᠬᠤ ᠲᠠᠪᠴᠠᠩ ᠤᠨ ᠪᠤᠳᠠᠳᠤ ᠠᠵᠢᠯᠯᠠᠮᠵᠢ ᠶᠢ ᠲᠥᠷᠭᠡᠳᠭᠡᠵᠥ᠂ ᠡᠳ᠋ ᠤᠨ ᠵᠠᠰᠠᠭ | ᠤᠨ ᠪᠡᠯᠡ ᠮᠥᠩᠭᠦᠨ ᠤ ᠤᠳᠤᠷᠢᠳᠤᠨ ᠵᠢᠯᠤᠭᠤᠳᠬᠤ ᠥᠢᠯᠡᠳᠥᠯ ᠢ ᠭᠥᠢᠴᠡᠳ ᠪᠠᠳᠠᠷᠠᠭᠤᠯᠵᠤ᠂ ᠰᠠᠭᠤᠷᠢ | ᠲᠥᠭᠦᠭᠡᠷᠤᠮᠵᠢ᠂ ᠤᠯᠠᠨ ᠨᠡᠶᠢᠳᠡ ᠶᠢᠨ ᠠᠵᠢᠯ ᠥᠢᠯᠡᠰ᠂ ᠨᠡᠶᠢᠳᠡ ᠶᠢᠨ ᠥᠢᠯᠡᠴᠢᠯᠡᠭᠡ ᠶᠢᠨ ᠬᠥᠷᠢᠶ᠎ᠡ ᠬᠡᠪᠴᠢᠶᠡᠨ ᠤ | ᠬᠤᠪᠢ ᠤᠷᠤᠭᠤᠯᠤᠯᠳᠠ ᠪᠡᠯᠡ ᠤᠷᠤᠭᠤᠯᠤᠯᠳᠠ ᠶᠢ ᠡᠷᠢᠯᠬᠢᠯᠡᠨ᠎ᠡ᠃ ᠨᠠᠵᠠᠭᠠᠢ ᠲᠠᠯ᠎ᠠ ᠶᠢᠨ ᠲᠠᠩᠰᠠ᠂ ᠡᠷᠭᠡ ᠶᠢᠨ | ᠲᠠᠩᠰᠠ᠂ ᠬᠠᠷᠢᠭᠤᠴᠠᠯᠭ᠎ᠠ ᠶᠢᠨ ᠲᠠᠩᠰᠠ ᠶᠢᠨ ᠬᠠᠮᠢᠶᠠᠷᠤᠯᠳᠠ ᠶᠢᠨ ᠵᠠᠭᠪᠤᠷ ᠢ ᠪᠥᠭᠦ ᠲᠠᠯ᠎ᠠ ᠪᠠᠷ ᠲᠥᠭᠡᠮᠡᠯᠵᠢᠭᠦᠯᠵᠥ᠂ | ᠡᠯ᠎ᠡ ᠲᠥᠷᠥᠯ ᠤᠨ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠠᠮᠢᠳᠤᠯᠢᠭ ᠭᠥᠴᠥᠨ ᠢ ᠭᠥᠭᠵᠢᠭᠡᠨ᠂ ᠨᠡᠶᠢᠳᠡ | ᠶᠢᠨ ᠪᠤᠰᠤ ᠠᠵᠤ ᠠᠬᠤᠶᠢᠯᠠᠯ ᠬᠠᠤᠯᠢ ᠶᠤᠰᠤᠭᠠᠷ ᠨᠡᠩ ᠤᠯᠠᠨ ᠭᠥᠷᠢᠶ᠎ᠡ ᠬᠡᠪᠴᠢᠶᠡᠨ ᠳᠤ ᠤᠷᠤᠬᠤ ᠶᠢ | ᠵᠤᠷᠢᠭᠵᠢᠭᠤᠯᠵᠤ᠂ ᠥᠭᠡᠷᠡᠴᠢᠯᠡᠯᠳᠡ ᠶᠢᠨ ᠠᠷᠭ᠎ᠠ ᠠᠪᠴᠠᠯ ᠤᠨ ᠤᠷᠤᠨᠵᠢᠯᠳᠡ ᠪᠠᠷ ᠠᠷᠠᠳ ᠤᠯᠠᠨ ᠳᠤ ᠠᠰᠢᠭ | ᠭᠥᠷᠳᠡᠭᠡᠨ᠎ᠡ᠃ | ᠰᠢᠨᠡᠴᠢᠯᠡᠯᠳᠡ ᠪᠠᠷ ᠲᠠᠶᠢᠴᠢᠯᠠᠭᠤᠯᠤᠨ᠂ ᠭᠥᠭᠵᠢᠯᠳᠡ ᠶᠢᠨ ᠬᠡᠯᠪᠡᠷᠢ ᠶᠢᠨ ᠥᠭᠡᠷᠡᠴᠢᠯᠡᠯᠳᠡ ᠬᠢᠭᠡᠳ | ᠭᠥᠳᠡᠯᠭᠡᠭᠴᠢ ᠭᠥᠴᠥᠨ ᠤ ᠬᠤᠪᠢᠷᠠᠯᠳᠠ ᠶᠢ ᠠᠬᠢᠭᠤᠯᠤᠨ᠎ᠠ᠃ ᠥᠨᠳᠥᠰᠥᠨ ᠱᠠᠳᠤᠨ ᠤ ᠡᠭᠦᠳᠥᠨ ᠪᠥᠳᠥᠭᠡᠯᠳᠡ ᠶᠢᠨ | ᠵᠤᠷᠢᠭ ᠰᠠᠨᠠᠭ᠎ᠠ ᠶᠢ ᠭᠥᠢᠴᠡᠳ ᠪᠠᠳᠠᠷᠠᠭᠤᠯᠤᠨ᠂ ᠰᠢᠨᠵᠢᠯᠡᠭᠡ ᠮᠡᠷᠭᠡᠵᠢᠯ ᠤᠨ ᠪᠥᠳᠥᠭᠡᠯ ᠤᠨ ᠬᠤᠪᠢᠷᠠᠭᠤᠯᠤᠯᠳᠠ | ᠪᠤᠯᠤᠨ ᠮᠡᠷᠭᠡᠵᠢᠯ ᠤᠨ ᠲᠥᠭᠡᠮᠡᠯᠵᠢᠯᠳᠡ ᠶᠢ ᠲᠥᠷᠭᠡᠳᠭᠡᠨ᠂ ᠪᠥᠭᠦ ᠨᠡᠶᠢᠭᠡᠮ ᠤᠨ ᠬᠠᠮᠵᠢᠯᠴᠠᠨ ᠰᠢᠨᠡᠴᠢᠯᠡᠭᠦ | ᠠᠵᠢᠯᠯᠠᠭ᠎ᠠ ᠶᠢ ᠭᠥᠭᠵᠢᠭᠡᠵᠤ᠂ ᠰᠢᠨᠡᠴᠢᠯᠡᠭᠴᠢ ᠪᠡᠶᠡᠴᠡ ᠴᠤᠭᠴᠠ ᠪᠤᠯᠤᠨ ᠠᠰᠢᠭ ᠭᠥᠷᠳᠡᠭᠦ ᠡᠳᠡᠭᠡᠳ ᠤᠨ | ᠭᠥᠷᠳᠡᠮᠵᠢ ᠬᠠᠨᠤᠯ ᠢ ᠥᠨᠡᠨ ᠭᠦ ᠴᠢᠩᠭᠠᠳᠬᠠᠨ᠎ᠠ᠃ ᠥᠪᠡᠷ ᠤᠨ ᠥᠷᠳᠡᠭ ᠢᠶᠠᠷ ᠲᠤᠤᠷ᠎ᠠ ᠨᠢᠭᠡ ᠪᠥᠯᠥᠭ ᠥᠢᠯᠡᠰ | ᠪᠥᠳᠥᠭᠡᠯᠳᠡ ᠶᠢᠨ ᠤᠷᠤᠨ ᠵᠠᠢ ᠶᠢ ᠲᠥᠷᠭᠡᠳᠭᠡᠵᠥ ᠴᠤᠭᠴᠠᠯᠠᠨ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠳ | ᠤᠨ ᠰᠢᠨ᠎ᠡ ᠮᠡᠷᠭᠡᠵᠢᠯ ᠠᠰᠢᠭᠯᠠᠬᠤ ᠶᠢ ᠲᠡᠮᠵᠢᠵᠤ ᠵᠤᠷᠢᠭᠵᠢᠭᠤᠯᠤᠨ᠂ ᠰᠢᠨ᠎ᠡ ᠲᠠᠸᠠᠷ ᠡᠭᠦᠳᠥᠨ ᠰᠢᠨ᠎ᠡ ᠱᠠᠭᠠᠷᠳᠠᠯᠭ᠎ᠠ | ᠶᠢ ᠬᠠᠩᠭᠠᠵᠤ ᠰᠢᠨ᠎ᠡ ᠪᠠᠶᠢᠳᠠᠯ ᠢ ᠭᠥᠭᠵᠢᠭᠦᠯᠥᠨ᠎ᠡ᠃ ᠴᠢᠳᠠᠪᠤᠷᠢᠳᠠᠨ ᠡᠯᠰᠡᠭᠦ ᠪᠠ ᠪᠤᠯᠪᠠᠰᠤᠷᠠᠭᠤᠯᠤᠨ ᠭᠥᠮᠥᠵᠢᠭᠦᠯᠭᠦ | ᠶᠢ ᠪᠠᠷᠢᠮᠳᠠᠯᠠᠨ᠂ ︽ᠴᠠᠬᠢᠷᠮ᠎ᠠ ᠴᠢᠳᠠᠪᠤᠷᠢᠳᠠᠨ︾ ᠤ ᠢᠨᠵᠧᠨᠧᠷᠢᠩ ᠢ ᠭᠥᠨᠵᠡᠭᠡᠢ ᠭᠡᠷᠡᠭᠵᠢᠭᠦᠯᠵᠥ᠂ ᠴᠢᠳᠠᠪᠤᠷᠢᠳᠠᠨ | ᠤᠷᠢᠵᠤ ᠥᠯᠡᠳᠡᠭᠡᠨ ᠴᠢᠳᠠᠬᠤ ᠲᠥᠷᠥ ᠶᠢᠨ ᠪᠤᠳᠤᠯᠭ᠎ᠠ ᠶᠢ ᠲᠤᠭᠳᠠᠭᠠᠨ᠂ ᠥᠨᠳᠥᠷ ᠲᠠᠪᠬᠤᠷᠭ᠎ᠠ ᠶᠢᠨ | ᠴᠢᠳᠠᠪᠤᠷᠢᠳᠠᠨ ᠪᠤᠯᠤᠨ ᠰᠢᠨ᠎ᠡ ᠶᠢ ᠡᠭᠦᠳᠴᠤ ᠥᠢᠯᠡᠰ ᠪᠤᠰᠬᠠᠬᠤ ᠪᠥᠯᠭᠦᠮ ᠢ ᠤᠷᠢᠬᠤ ᠪᠠ ᠪᠤᠶᠢᠵᠢᠭᠤᠯᠤᠨ᠎ᠠ᠃ | ᠠᠺᠠᠳᠧᠮᠢᠴᠢ ᠶᠢᠨ ᠠᠵᠢᠯ ᠤᠨ ᠥᠷᠳᠡᠭᠡᠨ ᠤ ᠰᠢᠨᠵᠢᠯᠡᠭᠡ ᠰᠢᠨᠡᠴᠢᠯᠡᠯᠳᠡ ᠶᠢᠨ ᠴᠢᠳᠠᠪᠤᠷᠢ ᠶᠢ ᠤᠯᠠᠮ ᠭᠥᠭᠵᠢᠭᠡᠵᠥ᠂ | ᠬᠢᠯᠢ ᠠᠯᠤᠰᠯᠠᠨ ᠬᠠᠮᠳᠤᠷᠠᠯᠴᠠᠬᠤ᠂ ᠰᠢᠯᠢᠳᠡᠭ ᠡᠬᠢ ᠰᠤᠷᠪᠤᠯᠵᠢ ᠬᠢᠭᠡᠳ ᠪᠡᠯᠡ ᠭᠥᠷᠥᠩᠭᠡ ᠲᠠᠳᠠᠬᠤ ᠠᠴᠢᠶᠠᠯᠠᠪᠤᠷᠢ | ᠪᠤᠯᠭᠠᠨ᠎ᠠ᠃ | ᠴᠢᠯᠥᠭᠡᠳᠡᠢ ᠪᠠᠷ ᠲᠠᠶᠢᠴᠢᠯᠠᠬᠤ ᠶᠢ ᠲᠤᠪᠤᠶᠢᠯᠭᠠᠨ᠂ ᠤᠷᠤᠨ ᠬᠡᠪᠴᠢᠶᠡᠨ ᠤ ᠬᠠᠮᠳᠤᠷᠠᠯᠴᠠᠭᠠᠨ ᠢ | ᠭᠥᠨᠵᠡᠭᠡᠢ ᠠᠬᠢᠭᠤᠯᠤᠨ᠎ᠠ᠃ ︽ᠨᠢᠭᠡ ᠪᠥᠰᠡ ᠨᠢᠭᠡ ᠵᠠᠮ︾ ᠤᠨ ᠪᠠᠶᠢᠭᠤᠯᠤᠯᠳᠠ ᠪᠤᠯᠤᠨ ᠬᠥᠭᠡᠬᠤᠳᠠ | ᠪᠤᠭᠤᠳᠤ ᠤᠷᠳᠤᠰ ᠤᠨ ᠬᠠᠮᠳᠤᠷᠠᠯᠴᠠᠨ ᠭᠥᠭᠵᠢᠭᠦ ᠪᠠᠶᠢᠯᠳᠤᠬᠤ ᠪᠤᠳᠤᠯᠭ᠎ᠠ ᠶᠢᠨ ᠲᠤᠬᠢᠶᠠᠯ ᠢ ᠪᠠᠳᠤ ᠡᠵᠡᠮᠳᠡᠨ᠂ ᠡᠬᠢ | ᠰᠤᠷᠪᠤᠯᠵᠢ ᠶᠢ ᠨᠡᠶᠢᠳᠭᠡᠭᠦ ᠲᠠᠪᠠᠭᠤᠯᠢᠭ ᠭᠥᠴᠥᠨ ᠢ ᠬᠤᠯᠪᠤᠭᠠᠯᠠᠬᠤ ᠠᠵᠤ ᠥᠢᠯᠡᠰ ᠢ ᠬᠤᠷᠠᠭᠤᠯᠬᠤ ᠪᠠᠷ | ᠠᠬᠢᠭᠤᠯᠬᠤ ᠭᠥᠴᠥ ᠪᠤᠯᠭᠠᠨ᠂ ᠤᠷᠤᠨ ᠬᠡᠪᠴᠢᠶᠡᠨ ᠤ ᠴᠤᠭᠴᠠᠵᠢᠭᠰᠠᠨ ᠪᠠᠶᠢᠭᠤᠯᠤᠯᠳᠠ ᠳᠤ ᠢᠳᠡᠪᠬᠢᠯᠡᠨ | ᠤᠷᠤᠯᠴᠠᠵᠤ᠂ ᠥᠪᠥᠷ ᠮᠤᠩᠭᠤᠯ ᠱᠠᠨᠰᠢ ᠨᠢᠩᠰᠢᠶᠠ ᠬᠠᠪᠢ ᠤᠷᠤᠨ ᠯᠤᠭ᠎ᠠ ᠶᠢᠨ ᠰᠤᠷᠪᠤᠯᠵᠢ ᠨᠡᠭᠡᠭᠡᠯᠳᠡ᠂ | ᠰᠢᠨᠵᠢᠯᠡᠭᠡ ᠰᠢᠨᠡᠴᠢᠯᠡᠯᠳᠡ᠂ ᠨᠡᠶᠢᠭᠡᠮ ᠤᠨ ᠥᠢᠯᠡᠰ᠂ ᠤᠳᠤ ᠥᠶ᠎ᠡ ᠶᠢᠨ ᠥᠢᠯᠡᠴᠢᠯᠡᠭᠡᠨ ᠤ ᠥᠢᠯᠡᠰ ᠵᠡᠷᠭᠡ | ᠭᠥᠷᠢᠶ᠎ᠡ ᠴᠠᠷᠠᠭᠠᠨ ᠳᠤ ᠬᠢ ᠬᠠᠮᠳᠤᠷᠠᠯᠴᠠᠭ᠎ᠠ ᠶᠢ ᠭᠥᠨᠵᠡᠭᠡᠶᠢᠷᠡᠭᠦᠯᠥᠨ᠎ᠡ᠃ ᠰᠠᠭᠤᠷᠢ ᠲᠥᠭᠦᠭᠡᠷᠤᠮᠵᠢ ᠶᠢᠨ ᠤᠷᠤᠨ | ᠠᠯᠤᠰᠯᠠᠭᠰᠠᠨ ᠨᠡᠪᠳᠡᠷᠡᠯᠴᠡᠯ ᠠᠪᠴᠠᠯᠳᠤᠯ ᠢ ᠴᠢᠩᠭᠠᠳᠬᠠᠵᠤ᠂ ᠵᠠᠰᠠᠮᠠᠯ ᠵᠠᠮ᠂ ᠲᠡᠮᠥᠷ ᠵᠠᠮ᠂ ᠠᠭᠠᠷ ᠠᠶᠠᠯᠠᠯ ᠵᠡᠷᠭᠡ | ᠵᠠᠮ ᠬᠠᠷᠢᠯᠴᠠᠭᠠᠨ ᠤ ᠭᠥᠷᠢᠶ᠎ᠡ ᠬᠡᠪᠴᠢᠶᠡᠨ ᠳᠤ ᠬᠢ ᠬᠠᠮᠳᠤ ᠪᠠᠶᠢᠭᠤᠯᠤᠯᠳᠠ ᠬᠠᠮᠳᠤ ᠡᠳ᠋ᠯᠡᠯᠳᠡ ᠪᠤᠯᠤᠨ ᠠᠮᠢ ᠠᠬᠤᠢ | ᠤᠷᠴᠢᠨ ᠲᠤᠭᠤᠷᠢᠨ ᠤ ᠬᠠᠮᠳᠤᠷᠠᠭᠰᠠᠨ ᠰᠡᠷᠭᠡᠶᠢᠯᠡᠯᠳᠡ ᠬᠤᠯᠪᠤᠭᠠᠯᠠᠭᠰᠠᠨ ᠵᠠᠰᠠᠯᠳᠠ ᠶᠢ ᠴᠢᠩᠭᠠᠳᠬᠠᠨ᠂ ᠤᠷᠤᠨ | ᠬᠡᠪᠴᠢᠶᠡᠨ ᠤ ᠬᠥᠨᠵᠡᠭᠡᠢ ᠬᠠᠮᠳᠤᠷᠠᠯᠴᠠᠭᠠᠨ ᠤ ᠲᠠᠭᠤᠷᠢᠶᠠᠯ ᠪᠤᠯᠤᠨ᠎ᠠ᠃ | ︵ᠲᠠᠪᠤ︶ ᠬᠤᠳᠠ ᠭᠥᠳᠡᠭᠡ ᠶᠢᠨ ᠴᠤᠭᠴᠠᠵᠢᠭᠰᠠᠨ ᠭᠥᠭᠵᠢᠯᠳᠡ ᠶᠢ ᠠᠬᠢᠭᠤᠯᠵᠤ᠂ ᠤᠷᠤᠰᠢᠨ ᠰᠠᠭᠤᠬᠤ | ᠳᠤ ᠠᠮᠤᠷ ᠲᠤᠬᠢᠳᠠᠢ ᠤᠷᠴᠢᠨ ᠲᠤᠭᠤᠷᠢᠨ ᠢ ᠠᠷᠠᠳ ᠲᠤ ᠭᠥᠷᠳᠡᠭᠡᠨ᠎ᠡ᠃ ᠬᠤᠳᠠ ᠭᠥᠳᠡᠭᠡ ᠶᠢᠨ | ᠪᠠᠶᠢᠷᠢᠯᠠᠭᠤᠯᠤᠯᠳᠠ ᠶᠢ ᠰᠢᠨᠵᠢᠯᠡᠭᠦ ᠤᠬᠠᠭᠠᠨᠴᠢ ᠪᠠᠷ ᠰᠢᠯᠢᠳᠡᠭᠵᠢᠭᠦᠯᠥᠨ᠂ ᠡᠯ᠎ᠡ ᠲᠥᠷᠥᠯ ᠤᠨ ᠡᠬᠢ ᠰᠤᠷᠪᠤᠯᠵᠢ ᠶᠢ | ᠡᠮᠬᠢᠳᠡᠢ ᠴᠡᠭᠴᠡᠵᠢᠭᠦᠯᠵᠥ᠂ ᠥᠪᠡᠷᠮᠢᠴᠡ ᠤᠨᠴᠠᠯᠢᠭ ᠲᠤᠳᠤᠷᠬᠠᠢ᠂ ᠨᠡᠭᠡᠭᠡᠯᠳᠡᠳᠤ ᠬᠠᠷᠢᠯᠴᠠᠭ᠎ᠠ ᠶᠠᠪᠤᠯᠴᠠᠭ᠎ᠠ ᠲᠠᠢ᠂ | ᠲᠡᠩᠴᠡᠭᠦᠷᠢᠰᠢᠯ ᠴᠤᠭᠴᠠᠵᠢᠯᠳᠠ ᠶᠢ ᠪᠡᠶᠡᠯᠡᠭᠦᠯᠥᠭᠰᠡᠨ ᠬᠤᠳᠠ ᠭᠥᠳᠡᠭᠡ ᠶᠢᠨ ᠭᠥᠭᠵᠢᠯᠳᠡ ᠶᠢᠨ ᠲᠤᠭᠳᠠᠴᠠ ᠶᠢ | ᠪᠥᠳᠥᠭᠡᠨᠡ᠃ | ᠤᠨᠴᠠᠯᠢᠭᠳᠤ ᠴᠤᠭᠴᠠᠯᠠᠯᠳᠠ ᠶᠢ ᠴᠢᠩᠭᠠᠳᠬᠠᠨ᠂ ᠲᠡᠰ ᠴᠢᠨᠠᠷᠵᠢᠯ ᠲᠠᠢ ᠬᠤᠳᠠ ᠪᠠᠯᠭᠠᠰᠤᠨ ᠢ | ᠪᠥᠳᠥᠭᠡᠨᠡ᠃ ᠨᠠᠷᠢᠯᠢᠭ ᠤᠨᠤᠪᠴᠢᠳᠤ ᠲᠥᠯᠥᠪᠵᠢᠭᠦᠯᠭᠡ ᠪᠠᠷ ᠬᠤᠳᠠ ᠪᠠᠯᠭᠠᠰᠤᠨ ᠤ ᠲᠡᠰ ᠴᠢᠨᠠᠷᠵᠢᠯ ᠢ | ᠲᠡᠭᠡᠭᠰᠢᠯᠡᠭᠦᠯᠵᠥ᠂ ᠠᠵᠤ ᠥᠢᠯᠡᠰ ᠤᠨ ᠲᠤᠯᠭᠠᠭᠤᠷᠢᠯᠠᠯ ᠢᠶᠠᠷ ᠴᠢᠩᠭ᠎ᠠ᠂ ᠰᠤᠶᠤᠯ ᠢᠷᠭᠡᠨᠰᠢᠯ ᠤᠨ ᠠᠮᠢᠰᠬᠤᠯ | ᠪᠠᠳᠠᠷᠠᠭᠤᠨ᠂ ᠠᠮᠢ ᠠᠬᠤᠢ ᠤᠷᠴᠢᠨ ᠲᠤᠭᠤᠷᠢᠨ ᠲᠤᠬᠢᠯᠢᠭ ᠰᠠᠶᠢᠬᠠᠨ ᠪᠠᠯᠭᠠᠰᠤ ᠶᠢ ᠴᠤᠭᠴᠠᠯᠠᠨ᠎ᠠ᠃ ᠤᠨᠴᠠᠯᠢᠭ ᠢ | ᠲᠤᠪᠤᠶᠢᠯᠭᠠᠨ᠂ ᠬᠤᠳᠠ ᠪᠠᠯᠭᠠᠰᠤᠨ ᠤ ᠭᠤᠤᠯᠳᠠᠯᠭᠠᠳᠤ ᠥᠷᠢᠰᠭᠦ ᠭᠥᠴᠥᠨ ᠢ ᠪᠤᠶᠢᠵᠢᠭᠤᠯᠤᠨ᠎ᠠ᠃ ᠤᠯᠵᠠᠴᠢ | ᠪᠠᠯᠭᠠᠰᠤ ᠶᠢ ᠬᠤᠰᠢᠭᠤᠨ ᠲᠥᠪ ᠤᠨ ᠰᠠᠭᠤᠭᠠᠯᠢ ᠠᠷᠠᠳ ᠤᠨ ᠬᠥᠨᠡᠰᠥᠨ ᠬᠠᠩᠭᠠᠯᠠᠭ᠎ᠠ ᠶᠢᠨ ᠥᠢᠯᠡᠳᠥᠯ ᠶᠤᠰᠤᠭᠠᠷ᠂ | ᠲᠠᠷᠢᠵᠤ ᠲᠡᠵᠢᠭᠡᠭᠦ ᠥᠢᠯᠡᠰ ᠤᠨ ᠬᠠᠷᠢᠴᠠᠯ ᠢ ᠨᠢ ᠲᠤᠬᠢᠷᠠᠭᠤᠯᠤᠨ᠂ ᠪᠠᠯᠭᠠᠰᠤᠨ ᠲᠡᠭᠦᠷᠭᠡ ᠶᠢᠨ ᠠᠵᠤ ᠠᠬᠤᠢ ᠶᠢ | ᠨᠢ ᠠᠮᠢᠳᠤᠯᠢᠭᠵᠢᠭᠤᠯᠤᠨ᠎ᠠ︔ ᠲᠥᠪ ᠬᠤᠳᠠ ᠪᠠᠯᠭᠠᠰᠤ ᠶᠢᠨ ᠭᠥᠴᠥᠨ ᠵᠥᠢᠯ ᠲᠥᠪᠯᠡᠷᠡᠩᠭᠦᠢ ᠲᠠᠪᠠᠭᠤᠯᠢᠭ ᠲᠤ | ᠲᠥᠰᠢᠭᠯᠡᠨ᠂ ᠮᠤᠩᠭᠤᠯ ᠰᠤᠶᠤᠯ ᠤᠨ ᠥᠪ ᠤᠯᠠᠮᠵᠢᠯᠠᠯ ᠢ ᠪᠠᠳᠠᠷᠠᠭᠤᠯᠤᠨ᠂ ︽ᠡᠮᠨᠡᠭᠦ ᠰᠤᠪᠢᠯᠠᠬᠤ ᠶᠢ | ᠤᠶᠠᠯᠳᠤᠭᠤᠯᠤᠭᠰᠠᠨ︾ ᠲᠠᠭᠤᠷᠢᠶᠠᠯ ᠤᠷᠤᠨ ᠪᠤᠯᠤᠨ ᠰᠤᠶᠤᠯ ᠤᠷᠠᠯᠢᠭ ᠤᠨ ᠪᠠᠯᠭᠠᠰᠤ ᠶᠢ ᠴᠤᠭᠴᠠᠯᠠᠨ᠎ᠠ᠃ | ᠱᠠᠩᠬᠠᠢ ᠶᠢᠨ ᠰᠥᠮ᠎ᠡ ᠪᠠᠯᠭᠠᠰᠤ ᠶᠢ ᠡᠨᠧᠷᠬᠢ ᠭᠢᠮᠢ ᠶᠢᠨ ᠠᠵᠤ ᠥᠢᠯᠡᠰ ᠤᠨ ᠭᠥᠭᠵᠢᠯᠳᠡ ᠶᠤᠰᠤᠭᠠᠷ᠂ ᠭᠥᠷᠢᠶᠡᠯᠡᠩ | ᠲᠤᠭᠤᠷᠢᠭ ᠢᠶᠠᠷ ᠬᠤᠳᠠ ᠪᠠᠯᠭᠠᠰᠤᠨ ᠤ ᠬᠢᠨᠢ ᠴᠢᠳᠠᠮᠵᠢ ᠶᠢ ᠥᠷᠭᠡᠳᠭᠡᠵᠥ᠂ ᠲᠤᠮᠤ ᠠᠵᠤ ᠥᠢᠯᠡᠰ ᠪᠤᠯᠤᠨ ᠲᠤᠮᠤ | ᠲᠥᠷᠥᠯ ᠵᠥᠢᠯ ᠢᠶᠠᠷ ᠲᠤᠮᠤ ᠵᠠᠬ᠎ᠠ ᠲᠡᠯᠭᠡᠭᠦᠷ ᠨᠡᠭᠡᠭᠡᠨ᠂ ᠠᠷᠠᠳ ᠢ ᠴᠢᠨᠡᠭᠡᠯᠢᠭᠵᠢᠭᠦᠯᠥᠨᠠᠵᠤ ᠠᠬᠤᠢ ᠶᠢ | ᠭᠥᠭᠵᠢᠭᠡᠭᠰᠡᠨ ᠠᠵᠤ ᠥᠢᠯᠡᠳᠪᠥᠷᠢ ᠶᠢᠨ ᠴᠢᠬᠤᠯᠠ ᠪᠠᠯᠭᠠᠰᠤ ᠪᠤᠯᠭᠠᠨ ᠴᠤᠭᠴᠠᠯᠠᠨ᠎ᠠ︔ ᠪᠤᠷᠤᠪᠠᠯᠭᠠᠰᠤ ᠪᠠᠯᠭᠠᠰᠤ ᠶᠢ | ᠤᠨᠴᠠᠯᠢᠭᠳᠤ ᠠᠵᠤ ᠥᠢᠯᠡᠰ ᠶᠤᠰᠤᠭᠠᠷ᠂ ᠬᠤᠪᠢᠰᠬᠠᠯᠳᠤ ᠵᠢᠭᠤᠯᠴᠢᠯᠠᠯ ᠬᠢᠭᠡᠳ ᠵᠠᠬᠢᠶᠠᠯᠠᠭ᠎ᠠ ᠰᠠᠶᠢᠳᠠᠢ ᠮᠠᠯ | ᠲᠠᠷᠢᠶᠠᠯᠠᠩ ᠢ ᠨᠢ ᠭᠥᠭᠵᠢᠭᠡᠵᠥ᠂ ᠤᠨᠴᠠᠯᠢᠭᠳᠤ ᠠᠵᠤ ᠠᠬᠤᠢ ᠶᠢᠨ ᠲᠠᠷᠢᠮᠠᠯ ᠤᠨ ᠪᠥᠰᠡ ᠨᠤᠳᠤᠭ ᠪᠠ ᠤᠯᠤᠰ | ᠲᠠᠶᠠᠭᠠᠷ ᠲᠤ ᠠᠯᠳᠠᠷᠰᠢᠭᠰᠠᠨ ᠬᠤᠪᠢᠰᠬᠠᠯᠳᠤ ᠵᠢᠭᠤᠯᠴᠢᠯᠠᠯ ᠤᠨ ᠪᠠᠯᠭᠠᠰᠤ ᠪᠤᠯᠭᠠᠨ᠎ᠠ︔ ᠨᠠᠩᠰᠤ ᠪᠠᠯᠭᠠᠰᠤ ᠶᠢ ᠠᠵᠤ | ᠥᠢᠯᠡᠰ ᠤᠨ ᠭᠥᠭᠵᠢᠯᠳᠡ ᠶᠢᠨ ᠠᠭᠤᠰᠤᠯᠴᠠᠯ ᠭᠥᠭᠵᠢᠯᠳᠡ ᠶᠤᠰᠤᠭᠠᠷ᠂ ᠲᠠᠯ᠎ᠠ ᠨᠤᠳᠤᠭ ᠤᠨ ᠥᠨᠳᠥᠰᠥᠳᠡᠨ ᠤ | ᠰᠤᠶᠤᠯ ᠤᠨ ᠠᠭᠤᠯᠬᠤᠨ ᠢ ᠨᠢ ᠠᠭᠤᠳᠠᠯᠠᠵᠤ᠂ ᠪᠡᠶᠡᠴᠢᠯᠠᠨ ᠤᠶᠢᠯᠠᠭᠠᠬᠤ ᠠᠵᠤ ᠠᠬᠤᠢ ᠪᠤᠯᠤᠨ ᠠᠮᠢ ᠠᠬᠤᠶᠢᠴᠢ | ᠠᠵᠤ ᠠᠬᠤᠢ ᠶᠢ ᠨᠢ ᠭᠥᠭᠵᠢᠭᠦᠯᠥᠨ᠂ ᠪᠤᠬᠢᠷᠳᠤᠯ ᠥᠭᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠡᠳ᠋ᠰᠢᠭᠦᠯᠥᠯᠳᠡ ᠪᠤᠯᠪᠠᠰᠤᠷᠠᠭᠤᠯᠤᠯᠳᠠ ᠬᠢᠭᠡᠳ ᠰᠤᠶᠤᠯ ᠵᠢᠭᠤᠯᠴᠢᠯᠠᠯ ᠤᠨ ᠥᠢᠯᠡᠰ ᠭᠥᠨᠵᠡᠭᠡᠢ ᠠᠭᠤᠰᠤᠯᠴᠠᠨ | ᠭᠥᠭᠵᠢᠭᠰᠡᠨ ᠲᠠᠭᠤᠷᠢᠶᠠᠯ ᠪᠠᠯᠭᠠᠰᠤ ᠪᠤᠯᠭᠠᠨ᠎ᠠ᠃ ᠲᠥᠭᠦᠷᠴᠢᠯᠡᠯ ᠢ ᠴᠢᠩᠭᠠᠳᠬᠠᠨ ᠬᠤᠳᠠ ᠪᠠᠯᠭᠠᠰᠤᠨ ᠤ | ᠥᠢᠯᠡᠴᠢᠯᠡᠭᠡᠨ ᠤ ᠪᠠᠳᠤᠯᠠᠭ᠎ᠠ ᠶᠢᠨ ᠴᠢᠳᠠᠮᠵᠢ ᠶᠢ ᠲᠡᠭᠡᠭᠰᠢᠯᠡᠭᠦᠯᠥᠨ᠎ᠡ᠃ ᠠᠷᠠᠳ ᠤᠯᠠᠨ ᠲᠤᠰᠬᠠᠯ ᠶᠡᠭᠡᠳᠡᠢ | ᠬᠠᠯᠠᠮᠰᠢᠯ ᠠᠰᠠᠭᠤᠳᠠᠯ ᠳᠤ ᠴᠢᠭᠯᠡᠭᠦᠯᠥᠨ᠂ ᠤᠰᠤ᠂ ᠬᠡᠢ᠂ ᠲᠤᠯᠠᠭᠠᠯᠠᠭ᠎ᠠ ᠬᠠᠩᠭᠠᠬᠤ ᠵᠡᠷᠭᠡ ᠤᠯᠠᠨ ᠨᠡᠶᠢᠳᠡ ᠶᠢᠨ | ᠰᠠᠭᠤᠷᠢ ᠥᠢᠯᠡᠴᠢᠯᠡᠭᠡ ᠶᠢ ᠲᠡᠩᠴᠠᠭᠦᠷᠢᠳᠡᠢ ᠠᠬᠢᠭᠤᠯᠵᠤ᠂ ᠠᠷᠠᠳ ᠤᠯᠠᠨ ᠳᠤ ᠴᠡᠪᠡᠷ ᠰᠠᠶᠢᠨ ᠤᠰᠤ ᠢᠳᠡᠭᠦᠯᠵᠥ᠂ | ᠲᠥᠭᠦᠮ ᠲᠥᠳᠡ ᠰᠢᠳᠠᠮᠠᠬᠠᠢ ᠬᠡᠢ ᠭᠡᠷᠡᠭᠯᠡᠭᠦᠯᠵᠥ᠂ ᠬᠤᠳᠠ ᠪᠠᠯᠭᠠᠰᠤᠨ ᠤ ᠪᠠᠶᠢᠭᠤᠯᠤᠯᠳᠠ ᠶᠢᠨ ᠪᠥᠳᠥᠭᠡᠯ ᠢ | ᠡᠳ᠋ᠯᠡᠭᠦᠯᠥᠨᠡ᠃ ᠬᠤᠳᠠ ᠥᠵᠡᠮᠵᠢ ᠬᠠᠷᠢᠯᠴᠠᠨ ᠠᠭᠤᠰᠤᠯᠴᠠᠭᠰᠠᠨ ᠴᠡᠴᠡᠷᠯᠢᠭᠵᠢᠭᠦᠯᠭᠡ ᠶᠢᠨ ᠰᠢᠰᠲ᠋ᠧᠮ ᠢ | ᠪᠥᠷᠢᠯᠳᠥᠭᠦᠯᠵᠥ᠂ ᠴᠢᠨᠠᠷᠯᠢᠭ ᠤᠶᠢᠵᠢᠭᠤᠯᠤᠯᠳᠠ ᠴᠡᠴᠡᠷᠯᠢᠭᠵᠢᠭᠦᠯᠭᠡ ᠪᠠᠷ ᠤᠯᠠᠨ ᠲᠥᠮᠡᠨ ᠳᠤ ᠰᠡᠯᠡᠭᠦᠴᠡᠯ ᠤᠨ | ᠤᠷᠤᠨ ᠵᠠᠢ ᠬᠠᠩᠭᠠᠵᠤ᠂ ᠵᠢᠷᠭᠠᠯ ᠬᠠᠨᠤᠮᠵᠢ ᠶᠢ ᠨᠢ ᠥᠨᠡᠨ ᠭᠦ ᠲᠡᠭᠡᠭᠰᠢᠯᠡᠭᠦᠯᠥᠨ᠎ᠡ᠃ ᠬᠠᠮᠢᠶᠠᠷᠤᠯᠳᠠ ᠶᠢ | ᠴᠢᠩᠭᠠᠳᠬᠠᠨ᠂ ᠬᠤᠳᠠ ᠪᠠᠯᠭᠠᠰᠤᠨ ᠤ ᠲᠤᠳᠤᠭᠠᠳᠤ ᠭᠥᠳᠡᠯᠭᠡᠭᠦ ᠭᠥᠴᠥᠨ ᠢ ᠴᠢᠩᠭᠠᠳᠬᠠᠨ᠎ᠠ᠃ ︽ᠬᠤᠳᠠ | ᠪᠠᠯᠭᠠᠰᠤ ᠶᠢᠨ ᠡᠵᠩᠨᠡᠯᠳᠡ︾ ᠶᠢᠨ ᠰᠡᠳᠬᠢᠮᠵᠢ ᠶᠢ ᠪᠤᠢ ᠪᠤᠯᠭᠠᠵᠤ᠂ ᠬᠤᠳᠠ ᠭᠥᠳᠡᠭᠡ ᠶᠢᠨ ᠪᠡᠯᠡ ᠤᠷᠤᠭᠤᠯᠤᠨ | ᠪᠠᠶᠢᠭᠤᠯᠬᠤ ᠬᠤᠭᠤᠴᠠᠭᠠᠨ ᠠᠴᠠ ᠨᠠᠷᠢᠯᠢᠭ ᠬᠠᠮᠢᠶᠠᠷᠤᠯᠳᠠ ᠶᠢᠨ ᠬᠤᠭᠤᠴᠠᠭᠠᠨ ᠲᠡᠰᠢᠬᠢ ᠬᠤᠪᠢᠷᠠᠯᠳᠠ ᠶᠢ | ᠠᠬᠢᠭᠤᠯᠤᠨ᠎ᠠ᠃ ᠲᠤᠭᠠᠴᠠᠯᠠᠭᠰᠠᠨ ᠬᠤᠳᠠ ᠶᠢᠨ ᠬᠠᠮᠢᠶᠠᠷᠤᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ | ᠲᠥᠷᠭᠡᠳᠭᠡᠵᠥ᠂ ᠬᠤᠳᠠ ᠭᠥᠳᠡᠭᠡ ᠶᠢᠨ ᠬᠤᠯᠪᠤᠭᠠᠯᠠᠭᠰᠠᠨ ᠬᠠᠤᠯᠢ ᠬᠡᠷᠡᠭᠵᠢᠭᠦᠯᠥᠯᠳᠡ ᠶᠢ ᠴᠢᠩᠭᠠᠳᠬᠠᠨ᠂ ᠤᠷᠴᠢᠨ | ᠲᠤᠭᠤᠷᠢᠨ ᠤ ᠵᠠᠰᠠᠯᠳᠠ ᠪᠤᠯᠤᠨ ᠬᠤᠳᠠ ᠶᠢᠨ ᠶᠠᠪᠤᠳᠠᠯ ᠤᠨ ᠠᠷᠠᠴᠢᠯᠠᠯᠳᠠ ᠬᠠᠮᠠᠭᠠᠯᠠᠯᠳᠠ ᠶᠢᠨ ᠲᠠᠭᠠᠭᠠᠮᠠᠭᠠᠢ | ᠲᠤᠭᠳᠠᠴᠠ ᠶᠢ ᠲᠡᠭᠦᠯᠳᠡᠷᠵᠢᠭᠦᠯᠵᠥ᠂ ᠠᠳᠠᠯ ᠠᠬᠤᠢ ᠶᠢᠨ ᠬᠠᠮᠢᠶᠠᠷᠤᠯᠳᠠ ᠪᠤᠯᠤᠨ ᠨᠡᠶᠢᠭᠡᠮ ᠲᠤᠭᠤᠷᠢᠭ ᠤᠨ | ᠥᠢᠯᠡᠴᠢᠯᠡᠭᠡ ᠶᠢᠨ ᠪᠠᠷᠢᠮᠵᠢᠶᠠᠴᠢᠯᠠᠭᠰᠠᠨ ᠪᠥᠭᠦ ᠪᠥᠷᠭᠦᠴᠡ ᠶᠢ ᠪᠡᠶᠡᠯᠡᠭᠦᠯᠵᠥ᠂ ᠬᠤᠳᠠ ᠪᠠᠯᠭᠠᠰᠤᠨ ᠤ ᠨᠠᠷᠢᠯᠢᠭ | ᠬᠠᠮᠢᠶᠠᠷᠤᠯᠳᠠ ᠶᠢᠨ ᠲᠥᠪᠰᠢᠨ ᠢ ᠲᠡᠭᠡᠭᠰᠢᠯᠡᠭᠦᠯᠥᠨ᠂ ︽ᠪᠥᠭᠦ ᠤᠯᠤᠰ ᠤᠨ ᠰᠢᠶᠡᠨ ᠤ ᠲᠡᠰ ᠤᠨ ᠪᠤᠯᠪᠠᠰᠤᠨ | ᠬᠤᠳᠠ︾ ᠬᠢᠭᠡᠳ ︽ᠤᠯᠤᠰ ᠤᠨ ᠡᠷᠡᠭᠦᠯ ᠬᠠᠮᠠᠭᠠᠯᠠᠯ ᠤᠨ ᠰᠢᠶᠡᠨ ᠤ ᠬᠤᠳᠠ︾ ᠶᠢᠨ ᠪᠠᠶᠢᠭᠤᠯᠤᠯᠳᠠ ᠶᠢᠨ | ᠪᠥᠳᠥᠮᠵᠢ ᠪᠠᠨ ᠲᠠᠰᠤᠷᠠᠯᠳᠠ ᠥᠭᠡᠢ ᠪᠠᠬᠢᠵᠢᠭᠦᠯᠥᠨ ᠥᠷᠭᠡᠳᠭᠡᠨ᠎ᠡ᠃ | ᠰᠠᠭᠤᠷᠢ ᠪᠠᠳᠤᠯᠠᠭ᠎ᠠ ᠶᠢ ᠪᠠᠬᠢᠵᠢᠭᠦᠯᠥᠨ᠂ ᠭᠥᠭᠵᠢᠯᠳᠡ ᠶᠢᠨ ᠲᠤᠳᠠᠭᠤᠳᠠᠯ ᠢ ᠨᠥᠭᠦᠪᠥᠷᠢᠯᠡᠨᠡ᠃ ᠬᠤᠳᠠ | ᠪᠠᠯᠭᠠᠰᠤᠨ ᠤ ᠰᠠᠭᠤᠷᠢ ᠲᠥᠭᠦᠭᠡᠷᠤᠮᠵᠢ ᠶᠢᠨ ᠲᠤᠭᠳᠠᠴᠠ ᠶᠢ ᠲᠡᠭᠦᠯᠳᠡᠷᠵᠢᠭᠦᠯᠥᠨ᠂ ᠭᠠᠵᠠᠷ ᠲᠤᠤᠷᠠᠬᠢ ᠬᠤᠭᠤᠯᠠᠢ | ᠱᠤᠭᠤᠮ ᠤᠨ ᠮᠡᠳᠡᠭᠡ ᠵᠠᠩᠬᠢ ᠶᠢᠨ ᠨᠡᠶᠢᠳᠡᠮ ᠪᠠᠶᠢᠴᠠᠭᠠᠯᠳᠠ ᠶᠢ ᠠᠬᠢᠭᠤᠯᠵᠤ᠂ ᠭᠠᠵᠠᠷ ᠲᠤᠤᠷᠠᠬᠢ ᠶᠡᠷᠥᠩᠭᠡᠶᠢᠯᠡᠭᠰᠡᠨ | ᠬᠤᠭᠤᠯᠠᠢ ᠭᠤᠳᠤᠮ ᠤᠨ ᠪᠠᠶᠢᠭᠤᠯᠤᠯᠳᠠ ᠶᠢ ᠲᠤᠬᠢᠳᠠᠢ ᠠᠬᠢᠭᠤᠯᠤᠨ᠂ ᠪᠤᠷᠤᠭᠠᠨ ᠤ ᠤᠰᠤ ᠲᠤᠭᠳᠠᠬᠤ ᠪᠠ ᠠᠬᠢᠨ | ᠲᠠᠬᠢᠨ ᠮᠠᠯᠳᠠᠬᠤ ᠵᠡᠷᠭᠡ ᠥᠵᠡᠭᠳᠡᠯ ᠢ ᠲᠤᠶᠢᠯᠪᠤᠷᠢᠳᠠᠢ ᠥᠭᠡᠶᠢᠰᠭᠡᠨᠡ᠃ ᠪᠠᠯᠭᠠᠰᠤᠨ ᠲᠤᠭᠤᠷᠢᠭ ᠤᠨ ᠵᠠᠷᠤᠳᠠᠯ | ᠬᠤᠷᠢᠶᠠᠬᠤ ᠥᠭᠡᠢ WIFI ᠲᠥᠭᠡᠮᠡᠯᠵᠢᠯ᠂ ᠮᠠᠯᠵᠢᠬᠤ ᠲᠠᠷᠢᠶᠠᠯᠠᠬᠤ ᠤᠷᠤᠨ ᠤ ᠥᠷᠭᠡᠨ ᠪᠥᠰᠡᠳᠤ ᠰᠥᠯᠵᠢᠶ᠎ᠡ | ᠪᠤᠯᠤᠨ ᠬᠤᠰᠢᠭᠤ ᠨᠤᠳᠤᠭ ᠤᠨ ᠪᠥᠭᠦ ᠭᠡᠪᠴᠢᠶᠡᠨ ᠳᠤ ᠬᠢ ᠴᠢᠮᠡᠭᠡ ᠬᠤᠯᠪᠤᠭ᠎ᠠ ᠶᠢ ᠴᠢᠨᠠᠷᠵᠢᠯ ᠰᠠᠶᠢᠳᠠᠢ ᠪᠤᠯᠭᠠᠵᠤ᠂ | ᠴᠠᠬᠢᠯᠭᠠᠨ ᠪᠠᠭᠳᠠᠭᠠᠮᠵᠢ ᠨᠡᠮᠡᠭᠦ᠂ ᠬᠤᠤᠰ ᠴᠠᠬᠢᠯᠭᠠᠨ ᠡᠬᠢ ᠪᠤᠯᠤᠨ ᠰᠤᠮᠤ ᠪᠠᠯᠭᠠᠰᠤᠨ ᠤ ᠲᠥᠭᠦᠷᠴᠢᠯᠡᠭᠰᠡᠨ | ᠴᠠᠬᠢᠯᠭᠠᠨ ᠲᠤᠤᠷ ᠤᠨ ᠥᠭᠡᠷᠡᠴᠢᠯᠡᠯᠳᠡ ᠶᠢ ᠬᠡᠷᠡᠭᠵᠢᠭᠦᠯᠵᠥ᠂ ᠮᠠᠯ ᠲᠠᠷᠢᠶᠠᠯᠠᠩ ᠤᠨ ᠥᠢᠯᠡᠳᠪᠥᠷᠢᠯᠡᠯ ᠤᠨ | ᠴᠠᠬᠢᠯᠭᠠᠨ ᠭᠡᠷᠡᠭᠯᠡᠯᠳᠡ ᠶᠢᠨ ᠬᠠᠩᠭᠠᠯᠠᠭ᠎ᠠ ᠶᠢ ᠪᠠᠳᠤᠯᠠᠨ᠎ᠠ᠃ ᠲᠤᠯᠢ ᠠᠴᠠ ᠱᠠᠩᠬᠠᠢ ᠶᠢᠨ ᠰᠥᠮ᠎ᠡ ᠭᠥᠷᠭᠦ ᠲᠡᠮᠤᠷ | ᠵᠠᠮ ᠤᠨ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠭᠡᠰᠡᠭ ᠬᠢᠭᠡᠳ ᠤᠯᠵᠠᠴᠢ ᠠᠴᠠ ᠰᠤᠬᠠᠢ ᠶᠢᠨ ᠪᠠᠶᠢᠰᠢᠩ | ᠭᠥᠷᠭᠦ ᠲᠡᠮᠤᠷ ᠵᠠᠮ ᠤᠨ ᠪᠠᠶᠢᠭᠤᠯᠤᠯᠳᠠ ᠶᠢ ᠪᠥᠭᠦ ᠲᠠᠯ᠎ᠠ ᠪᠠᠷ ᠡᠬᠢᠯᠡᠭᠦᠯᠤᠨ᠂ ᠢᠷᠭᠠᠢ ᠬᠤᠳᠠ ᠶᠢᠨ ᠬᠥᠩᠭᠡᠨ | ᠲᠡᠮᠤᠷ ᠵᠠᠮ ᠤᠨ ᠪᠢᠨ ᠾᠧ ᠲᠤᠭᠤᠷᠢᠭ ᠤᠨ ᠰᠠᠯᠪᠤᠷᠢ ᠱᠤᠭᠤᠮ ᠢ ᠱᠠᠩᠬᠠᠢ ᠶᠢᠨ ᠰᠥᠮ᠎ᠡ ᠭᠥᠷᠳᠡᠯ᠎ᠡ | ᠥᠷᠭᠦᠯᠵᠢᠯᠡᠭᠦᠯᠭᠦ ᠪᠠᠷ ᠢᠳᠡᠪᠬᠢᠳᠡᠢ ᠬᠠᠷᠢᠯᠴᠠᠵᠤ᠂ S317 ᠱᠤᠭᠤᠮ ᠤᠨ ᠤᠯᠵᠠᠴᠢ ᠠᠴᠠ ᠲᠤᠯᠢ ᠭᠥᠷᠭᠦ | ᠨᠢᠭᠡᠳᠥᠭᠡᠷ ᠲᠡᠰ ᠤᠨ ᠵᠠᠰᠠᠮᠠᠯ ᠵᠠᠮ᠂ ᠲᠠᠬᠢᠯᠳᠤ ᠠᠴᠠ ᠪᠤᠷᠤᠪᠠᠯᠭᠠᠰᠤ ᠭᠥᠷᠭᠦ ᠵᠠᠰᠠᠮᠠᠯ ᠵᠠᠮ᠂ ᠨᠠᠩᠰᠤ ᠠᠴᠠ | ᠪᠤᠷᠤᠪᠠᠯᠭᠠᠰᠤ ᠭᠥᠷᠭᠦ ᠵᠢᠭᠤᠯᠴᠢᠯᠠᠯ ᠤᠨ ᠲᠤᠰᠬᠠᠢ ᠱᠤᠭᠤᠮ ᠤᠨ ᠥᠭᠡᠷᠡᠴᠢᠯᠡᠯᠳᠡ ᠶᠢᠨ ᠲᠥᠷᠥᠯ ᠵᠥᠢᠯ ᠢ | ᠪᠡᠶᠡᠯᠡᠭᠦᠯᠵᠥ᠂ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠪᠤᠯᠤᠨ | ᠪᠤᠷᠤᠪᠠᠯᠭᠠᠰᠤᠨ ᠤ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠢ ᠪᠠᠶᠢᠭᠤᠯᠵᠤ᠂ ᠪᠥᠭᠦ ᠲᠠᠯᠠᠳᠤ ᠥᠢᠯᠡᠳᠤᠯ ᠲᠠᠢ | ᠶᠡᠷᠥᠩᠭᠡᠶᠢᠯᠡᠭᠰᠡᠨ ᠵᠠᠮ ᠬᠠᠷᠢᠯᠴᠠᠭᠠᠨ ᠤ ᠲᠤᠤᠷᠵᠢᠯ ᠢ ᠪᠥᠳᠥᠭᠡᠨᠡ᠃ | ᠭᠤᠷᠪᠠ᠂ ᠠᠷᠠᠳ ᠤᠯᠠᠨ ᠤ ᠰᠠᠳᠬᠢᠯ ᠬᠠᠨᠤᠮᠵᠢ ᠲᠠᠢ ᠥᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠤᠷᠳᠤᠨ ᠢ ᠪᠠᠶᠢᠭᠤᠯᠤᠨ᠎ᠠ | ᠲᠥᠯᠤᠭᠡᠯᠡᠭᠴᠢᠳ ᠡ᠂ ᠭᠠᠷ ᠤᠨ ᠡᠷᠳᠡᠮ ᠲᠠᠰᠤᠷᠬᠠᠢ ᠪᠥᠭᠡᠰᠤ ᠭᠠᠩ ᠪᠤᠯᠤᠳ ᠲᠠᠪᠳᠠᠨ ᠭᠠᠷᠭᠠᠶᠤ᠃ | ᠰᠢᠨ᠎ᠡ ᠴᠠᠭ ᠥᠶ᠎ᠡ ᠶᠢᠨ ᠰᠢᠨ᠎ᠡ ᠱᠠᠭᠠᠷᠳᠠᠯᠭ᠎ᠠ ᠶᠢᠨ ᠡᠮᠥᠨ᠎ᠡ ᠠᠴᠠ ᠪᠢᠳᠠ ᠡᠷᠭᠡᠪᠰᠢ ᠭᠠᠭᠴᠠ ᠰᠡᠳᠬᠢᠯ ᠢ ᠪᠠᠷᠢᠵᠤ᠂ | ᠪᠥᠭᠦ ᠲᠠᠯ᠎ᠠ ᠶᠢᠨ ᠲᠥᠯᠥᠭᠡᠨ᠎ᠡ ᠭᠥᠢᠴᠡᠳ ᠪᠤᠳᠤᠯᠬᠢᠯᠠᠵᠤ᠂ ᠭᠥᠭᠵᠢᠯᠳᠡ ᠶᠢᠨ ᠲᠤᠯᠠᠳᠠ ᠬᠠᠷᠢᠭᠤᠴᠠᠯᠭ᠎ᠠ ᠡᠭᠦᠷᠭᠡᠯᠡᠨ | ᠂ ᠠᠷᠠᠳ ᠤᠨ ᠤᠴᠢᠷ᠎ᠠ ᠮᠠᠬᠠᠷᠠᠨ ᠵᠢᠳᠭᠦᠮᠡᠨᠵᠢᠨ ᠰᠠᠶ᠋ᠢ ᠠᠤᠭ᠎ᠠ ᠡᠷᠡᠨ ᠤ ᠡᠷᠴᠢᠳᠤ ᠰᠢᠯᠭᠠᠯᠳᠠ ᠶᠢ ᠲᠤᠭᠤᠯᠤᠨ᠂ | ᠠᠭᠤᠤ ᠲᠥᠮᠡᠨ ᠤ ᠭᠥᠨᠳᠤ ᠨᠠᠶᠢᠳᠠᠯᠭ᠎ᠠ ᠶᠢ ᠭᠥᠯᠢᠶᠡᠵᠥ ᠲᠡᠶᠢᠯᠭᠦ ᠶᠤᠮ᠃ | ᠬᠠᠤᠯᠢ ᠶᠤᠰᠤᠭᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠤᠬᠠᠮᠰᠠᠷ ᠢ ᠵᠠᠰᠠᠭ | ᠶᠠᠪᠤᠭᠤᠯᠬᠤ ᠬᠤᠷᠢᠭ᠎ᠠ ᠱᠤᠭᠤᠮ ᠪᠤᠯᠭᠠᠵᠤ᠂ ᠬᠠᠤᠯᠢ ᠶᠢᠨ ᠡᠷᠭᠡ ᠥᠭᠡᠢ ᠪᠤᠯ ᠭᠠᠷ ᠲᠥᠷᠥᠵᠥ ᠪᠤᠯᠬᠤ ᠥᠭᠡᠢ᠂ | ᠵᠠᠰᠠᠭ ᠤᠨ ᠲᠤᠭᠳᠠᠭᠠᠯ ᠥᠭᠡᠢ ᠪᠤᠯ ᠲᠤᠷ᠎ᠠ ᠲᠠᠪᠠ ᠪᠠᠷ ᠬᠢᠵᠤ ᠪᠤᠯᠬᠤ ᠥᠭᠡᠢ ᠭᠡᠰᠡᠨ ᠢ ᠢᠮᠠᠭᠳᠠ ᠪᠠᠷᠢᠮᠳᠠᠯᠠᠨ᠂ | ᠵᠠᠰᠠᠭ ᠤᠨ ᠤᠷᠳᠤᠨ ᠤ ᠠᠵᠢᠯ ᠤᠨ ᠲᠥᠷᠢᠮ ᠢ ᠲᠡᠭᠦᠯᠳᠡᠷᠵᠢᠭᠦᠯᠥᠨ᠎ᠡ︔ ᠶᠡᠷᠥᠩᠭᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠥᠯᠳᠡ ᠶᠢᠨ ᠲᠤᠭᠳᠠᠴᠠ ᠶᠢᠨ ᠥᠭᠡᠷᠡᠴᠢᠯᠡᠯᠳᠡ ᠬᠡᠷᠡᠭᠵᠢᠭᠦᠯᠥᠨ᠂ ᠵᠠᠰᠠᠭ ᠵᠠᠬᠢᠷᠭᠠᠨ ᠤ ᠡᠷᠭᠡ | ᠮᠡᠳᠡᠯ ᠤᠨ ᠵᠥᠢᠯᠡᠰ ᠢ ᠬᠤᠪᠢᠶᠠᠷᠢᠯᠠᠨ ᠰᠢᠯᠵᠢᠭᠦᠯᠭᠦ ᠶᠢ ᠯᠠᠪᠳᠠᠭᠤᠨ ᠠᠬᠢᠭᠤᠯᠵᠤ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠳᠠ᠂ ᠤᠯᠠᠨ ᠲᠥᠮᠡᠨ ᠪᠤᠯᠤᠨ ᠵᠠᠭᠤᠴᠢᠯᠠᠭᠤᠷ ᠤᠨ ᠬᠢᠨᠠᠯᠳᠠ ᠶᠢ ᠤᠬᠠᠮᠰᠠᠷ ᠠᠴᠠ ᠪᠠᠨ ᠭᠥᠯᠢᠶᠡᠨ᠂ | ᠰᠢᠢᠳᠪᠥᠷᠢᠳᠤ ᠪᠤᠳᠤᠯᠭ᠎ᠠ᠂ ᠭᠡᠷᠡᠭᠵᠢᠭᠦᠯᠥᠯᠳᠡ᠂ ᠬᠢᠨᠠᠯᠳᠠ ᠶᠢᠨ ᠪᠥᠭᠦ ᠶᠠᠪᠤᠴᠠ ᠶᠢᠨ ᠢᠯᠠᠰᠢᠭᠦᠯᠥᠯᠳᠡ ᠶᠢ | ᠰᠥᠪᠡᠭᠴᠢᠯᠡᠨ ᠭᠡᠷᠡᠭᠵᠢᠭᠦᠯᠵᠥ᠂ ᠠᠷᠠᠳ ᠤᠯᠠᠨ ᠤᠷᠤᠯᠴᠠᠨ ᠨᠡᠶᠢᠭᠡᠮ ᠨᠡᠶᠢᠳᠡ ᠪᠠᠷ ᠥᠨᠡᠯᠡᠭᠦᠯᠥᠭᠰᠡᠨ ᠨᠡᠭᠡᠭᠡᠯᠳᠡᠳᠤ | ᠬᠡᠯᠪᠡᠷᠢ ᠶᠢᠨ ᠵᠠᠰᠠᠯᠳᠠ ᠬᠡᠷᠡᠭᠵᠢᠭᠦᠯᠥᠯᠳᠡ ᠶᠢᠨ ᠲᠤᠭᠳᠠᠴᠠ ᠶᠢ ᠪᠥᠷᠢᠯᠳᠥᠭᠦᠯᠥᠨ᠂ ᠵᠠᠰᠠᠭ ᠤᠨ ᠤᠷᠳᠤᠨ ᠤ | ᠡᠭᠦᠷᠭᠡ ᠬᠠᠷᠢᠭᠤᠴᠠᠯᠭ᠎ᠠ ᠶᠢᠨ ᠬᠠᠤᠯᠢᠴᠢᠯᠠᠯ ᠪᠤᠯᠤᠨ ᠠᠵᠢᠯ ᠡᠷᠭᠡ ᠶᠢᠨ ᠲᠥᠷᠢᠮᠵᠢᠯ ᠢ ᠠᠬᠢᠭᠤᠯᠵᠤ᠂ ᠠᠮᠵᠢᠯᠳᠠ | ᠪᠥᠳᠥᠭᠡᠯ ᠲᠠᠢ ᠮᠥᠷᠳᠡᠭᠡᠨ ᠰᠠᠬᠢᠯᠭ᠎ᠠ ᠵᠢᠷᠤᠮ ᠲᠠᠢ ᠪᠠᠶᠢᠬᠤ ᠶᠢ ᠪᠠᠳᠤᠯᠠᠨ᠂ ᠬᠠᠤᠯᠢ ᠲᠥᠷᠢᠮ ᠢ ᠲᠡᠭᠡᠳᠥᠯᠡᠨ | ᠬᠤᠷᠢᠭ᠎ᠠ ᠱᠤᠭᠤᠮ ᠢ ᠰᠠᠬᠢᠭᠰᠠᠨ ︽ᠬᠢᠵᠠᠭᠠᠷᠳᠤ ᠵᠠᠰᠠᠭ ᠤᠨ ᠤᠷᠳᠤᠨ︾ ᠢ ᠪᠠᠶᠢᠭᠤᠯᠤᠨ᠎ᠠ᠃ | ᠪᠥᠯᠭᠦᠮᠳᠡᠨ ᠬᠠᠮᠵᠢᠯᠴᠠᠬᠤ ᠶᠢ ᠴᠢᠩᠭᠠᠳᠬᠠᠨ᠎ᠠ᠃ ᠪᠡᠶ᠎ᠡ ᠪᠠᠷ ᠢᠶᠠᠨ ᠲᠥᠷᠥᠭᠦᠯᠡᠨ ᠰᠠᠬᠢᠯᠭ᠎ᠠ ᠵᠢᠷᠤᠮ ᠢ | ᠴᠢᠩᠳᠠᠯᠠᠵᠤ᠂ ᠰᠡᠷᠭᠡᠭ ᠲᠤᠳᠤ ᠤᠬᠠᠮᠰᠠᠷ ᠪᠤᠯᠤᠨ ᠪᠠᠳᠤ ᠴᠢᠩᠭ᠎ᠠ ᠵᠤᠭᠰᠤᠯᠳᠠ ᠪᠠᠨ ᠴᠠᠭ ᠥᠷᠭᠦᠯᠵᠢ ᠪᠠᠳᠤᠯᠠᠨ | ᠂ ᠥᠵᠡᠯ ᠰᠠᠨᠠᠭ᠎ᠠ ᠪᠠ ᠥᠢᠯᠡ ᠠᠵᠢᠯᠯᠠᠭ᠎ᠠ ᠪᠠᠨ ᠰᠢ ᠶᠢᠨ ᠫᠢᠩ ᠨᠥᠭᠦᠷ ᠢᠶᠠᠷ ᠲᠥᠪᠯᠡᠭᠦᠯᠥᠭᠰᠡᠨ ᠨᠠᠮ ᠤᠨ ᠲᠥᠪ | ᠬᠤᠷᠢᠶ᠎ᠠ ᠯᠤᠭ᠎ᠠ ᠴᠢᠩᠭ᠎ᠠ ᠨᠢᠭᠡᠳᠭᠡᠵᠥ᠂ ᠤᠯᠤᠰ ᠲᠥᠷᠥ ᠶᠢᠨ ᠰᠠᠬᠢᠯᠭ᠎ᠠ ᠵᠢᠷᠤᠮᠯᠠᠯ ᠢ ᠠᠵᠢᠯ ᠠᠯᠪᠠ ᠶᠢᠨ ᠪᠥᠭᠦ | ᠶᠠᠪᠤᠴᠠ ᠳᠤ ᠪᠠᠨ ᠲᠤᠤᠱᠯᠠᠭᠤᠯᠤᠨ᠎ᠠ᠃ ᠪᠡᠶ᠎ᠡ ᠪᠠᠷ ᠢᠶᠠᠨ ᠲᠥᠷᠥᠭᠦᠯᠡᠨ ᠪᠥᠯᠭᠦᠮᠳᠡᠯ ᠢ ᠡᠷᠬᠢᠮᠡᠯᠵᠥ᠂ ᠲᠤᠭᠳᠠᠭᠰᠠᠨ | ᠥᠢᠯᠡ ᠳᠤ ᠢᠳᠡᠪᠬᠢᠯᠡᠭᠦ ᠪᠠᠷ ᠡᠪ ᠡᠶ᠎ᠡ ᠪᠠᠨ ᠨᠢᠭᠡᠳᠭᠡᠨ᠂ ᠨᠠᠶᠢᠳᠠᠪᠤᠷᠢᠵᠢᠭᠤᠯᠤᠯ ᠰᠢᠢᠳᠪᠥᠷᠢᠯᠡᠯ ᠠᠬᠢᠭᠤᠯᠤᠯ ᠤᠨ | ᠠᠵᠢᠯ ᠳᠤ ᠲᠤᠤᠭᠠᠷᠪᠠᠯ ᠲᠠᠭᠤ ᠨᠢᠭᠡᠳᠡᠢ ᠲᠤᠭᠳᠤᠷᠪᠠᠯ ᠭᠥᠴᠥ ᠨᠢᠭᠡᠳᠡᠢ ᠵᠢᠳᠭᠦᠨ᠎ᠡ︔ ᠠᠵᠢᠯ ᠤᠨ ᠬᠠᠷᠠᠯᠳᠠ | ᠡᠭᠦᠷᠭᠡ ᠶᠢᠨ ᠲᠥᠯᠥᠭᠡ ᠲᠥᠯᠬᠢᠯᠴᠡᠨ ᠰᠢᠯᠳᠠᠭᠯᠠᠯᠴᠠᠬᠤ ᠥᠭᠡᠢ ᠪᠠᠷ ᠭᠥᠴᠥᠨ ᠵᠤᠷᠢᠭ ᠢᠶᠠᠨ ᠬᠠᠮᠳᠤᠳᠬᠠᠨ | ᠴᠢᠷᠮᠠᠶᠢᠵᠤ᠂ ᠥᠪᠡᠷ ᠥᠪᠡᠷ ᠤᠨ ᠠᠵᠢᠯ ᠤᠨ ᠬᠠᠷᠢᠭᠤᠴᠠᠯᠭ᠎ᠠ ᠪᠠᠨ ᠪᠠᠳᠤᠯᠠᠨ᠂ ᠭᠥᠭᠵᠢᠯᠳᠡ ᠶᠢ ᠠᠬᠢᠭᠤᠯᠬᠤ | ᠭᠥᠴᠥᠷᠭᠡᠭ ᠶᠡᠭᠡ ᠬᠠᠮ ᠭᠥᠴᠥᠨ ᠢ ᠪᠥᠷᠢᠯᠳᠥᠭᠦᠯᠥᠨ᠎ᠡ᠃ | ᠴᠢᠳᠠᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠨᠠᠷᠢᠯᠢᠭ᠂ ᠤᠨᠤᠪᠴᠢᠳᠠᠢ᠂ ᠭᠠᠷᠮᠭᠠᠢ ᠤᠬᠠᠮᠰᠠᠷᠳᠤ | ᠴᠢᠨᠠᠷ ᠢ ᠪᠤᠢ ᠪᠤᠯᠭᠠᠨ᠂ ᠵᠠᠰᠠᠭ ᠵᠠᠬᠢᠷᠭᠠᠨ ᠤ ᠪᠥᠳᠥᠮᠵᠢ ᠴᠢᠳᠠᠯ ᠤᠨ ᠬᠤᠪᠢᠰᠬᠠᠯ ᠢ ᠠᠬᠢᠭᠤᠯᠵᠤ᠂ ᠥᠷᠭᠦᠯᠵᠢᠯᠡᠨ | ᠵᠠᠰᠠᠭ ᠢ ᠴᠤᠮᠬᠠᠳᠬᠠᠨ ᠡᠷᠭᠡ ᠶᠢ ᠪᠠᠭᠤᠯᠭᠠᠨ᠂ ︽ᠵᠠᠰᠠᠭ ᠢ ᠴᠤᠮᠬᠠᠳᠬᠠᠨ ᠡᠷᠭᠡ ᠶᠢ ᠪᠠᠭᠤᠯᠭᠠᠬᠤ᠂ ᠪᠠᠭᠤᠯᠭᠠᠬᠤ | ᠬᠠᠮᠢᠶᠠᠷᠬᠤ ᠶᠢ ᠤᠶᠠᠯᠳᠤᠭᠤᠯᠬᠤ᠂ ᠥᠢᠯᠡᠴᠢᠯᠡᠭᠡ ᠶᠢ ᠰᠢᠯᠢᠳᠡᠭᠵᠢᠭᠦᠯᠭᠦ︾ ᠥᠭᠡᠷᠡᠴᠢᠯᠠᠯᠳᠠ ᠶᠢ ᠭᠥᠨᠵᠡᠭᠡᠶᠢᠷᠡᠭᠦᠯᠵᠥ | ᠂ ᠴᠢᠮᠡᠭᠡ ᠵᠠᠩᠬᠢᠴᠢᠯᠠᠯᠳᠠ ᠪᠤᠯᠤᠨ ᠰᠥᠯᠵᠢᠶᠡᠨ ᠲᠡᠭᠡᠷᠡᠬᠢ ᠲᠤᠬᠠᠶᠢᠯᠠᠭᠰᠠᠨ ᠠᠵᠢᠯ ᠤᠨ ᠬᠠᠮᠳᠤᠷᠠᠯ ᠪᠡᠶᠡᠯᠡᠭᠦᠯᠥᠯ ᠢ | ᠲᠥᠷᠭᠡᠳᠭᠡᠨ᠂ ᠴᠢᠮᠡᠭᠡ ᠵᠠᠩᠬᠢ ᠪᠤᠯᠤᠨ ᠲᠤᠭ᠎ᠠ ᠮᠠᠭᠠᠳ ᠢ ᠢᠯᠡᠭᠦᠭᠡᠨ ᠠᠰᠢᠭᠯᠠᠵᠤ᠂ ᠠᠵᠤ ᠠᠬᠤᠶᠢᠯᠠᠯ ᠠᠷᠠᠳ | ᠤᠯᠠᠨ ᠳᠤ ᠲᠥᠭᠦᠮ ᠥᠵᠡᠭᠦᠯᠥᠨ᠎ᠡ᠃ ᠵᠠᠰᠠᠭ ᠵᠠᠬᠢᠷᠭᠠᠨ ᠤ ᠠᠵᠢᠯ ᠤᠨ ᠪᠥᠳᠥᠮᠵᠢ ᠶᠢᠨ ᠬᠠᠷᠢᠭᠤᠴᠠᠯᠭ᠎ᠠ | ᠠᠰᠠᠭᠤᠬᠤ ᠲᠥᠷᠢᠮ ᠢ ᠴᠢᠩᠭᠠᠳᠬᠠᠨ᠂ ᠪᠥᠳᠥᠮᠵᠢ ᠶᠢ ᠬᠠᠷᠰᠢᠯᠠᠭᠰᠠᠨ ᠪᠡᠷᠭᠡ ᠰᠠᠭᠠᠳ ᠢ ᠡᠷᠡᠰ ᠠᠷᠢᠯᠭᠠᠵᠤ᠂ | ᠥᠨᠳᠥᠷ ᠪᠥᠳᠥᠮᠵᠢ ᠲᠠᠢ ᠨᠠᠶᠢᠳᠠᠪᠤᠷᠢᠵᠢᠭᠤᠯᠤᠯ ᠢ ᠲᠠᠳᠬᠠᠯ ᠪᠤᠯᠭᠠᠨ᠎ᠠ᠃ ᠵᠠᠰᠠᠭ ᠤᠨ ᠤᠷᠳᠤᠨ ᠤ | ᠨᠠᠶᠢᠳᠠᠪᠤᠷᠢᠵᠢᠭᠤᠯᠤᠯ ᠪᠤᠯᠤᠨ ᠬᠡᠷᠡᠭᠵᠢᠭᠦᠯᠭᠦ ᠴᠢᠳᠠᠪᠤᠷᠢ ᠶᠢ ᠪᠥᠭᠦ ᠲᠠᠯ᠎ᠠ ᠪᠠᠷ ᠲᠡᠭᠡᠭᠰᠢᠯᠡᠭᠦᠯᠵᠥ᠂ ᠭᠡᠯᠡᠭᠦ᠂ ᠬᠢᠭᠦ᠂ | ᠪᠡᠶᠡᠯᠡᠭᠦᠯᠭᠦ ᠶᠢ ᠨᠢᠭᠡᠳᠭᠡᠨ᠂ ᠨᠠᠶᠢᠳᠠᠪᠤᠷᠢᠵᠢᠭᠤᠯᠤᠯ ᠲᠤᠮᠳᠠ ︽ᠬᠤᠭᠤᠰᠤᠨ ᠭᠥᠴᠥᠯᠡᠭᠦ᠂ ᠬᠤᠶᠢᠷᠭᠤᠰᠢᠨ | ᠠᠯᠮᠠᠶᠢᠳᠤᠬᠤ᠂ ᠬᠤᠶᠢᠨ᠎ᠠ ᠨᠢ ᠰᠠᠭᠤᠬᠤ︾ ᠶᠢ ᠡᠷᠡᠰ ᠲᠡᠪᠴᠢᠨ᠎ᠡ᠃ | ᠰᠢᠨᠡᠴᠢᠯᠡᠯᠳᠡ ᠵᠠᠰᠠᠯᠳᠠ ᠶᠢ ᠴᠢᠩᠭᠠᠳᠬᠠᠨ᠎ᠠ᠃ ︽ᠢᠨᠲ᠋ᠧᠷ ᠰᠥᠯᠵᠢᠶ᠎ᠡ +︾ ᠰᠢᠰᠲ᠋ᠧᠮᠳᠤ ᠰᠡᠳᠬᠢᠴᠡ | ᠶᠢ ᠪᠠᠳᠤ ᠪᠠᠬᠢ ᠪᠤᠯᠭᠠᠵᠤ᠂ ᠵᠠᠰᠠᠭ ᠤᠨ ᠤᠷᠳᠤᠨ ᠤ ᠰᠢᠨᠡᠴᠢᠯᠡᠯ ᠵᠠᠰᠠᠯᠳᠠ ᠶᠢ ᠠᠬᠢᠭᠤᠯᠤᠨ᠂ ᠲᠤᠭ᠎ᠠ ᠪᠠᠷᠢᠮᠳᠠ | ᠶᠢᠨ ᠡᠬᠢ ᠰᠤᠷᠪᠤᠯᠵᠢ ᠶᠢ ᠤᠯᠠᠮ ᠴᠡᠭᠴᠡᠵᠢᠭᠦᠯᠵᠥ᠂ ︽ᠡᠭᠦᠯᠡᠨ ᠪᠤᠳᠤᠯᠳᠠ ᠶᠢᠨ ᠥᠢᠯᠡᠴᠢᠯᠡᠭᠡ︾ ᠶᠢᠨ ᠲᠠᠪᠴᠠᠩ | ᠪᠠᠶᠢᠭᠤᠯᠤᠨ᠂ ᠨᠡᠶᠢᠳᠡ ᠶᠢᠨ ᠥᠢᠯᠡᠴᠢᠯᠡᠭᠡᠨ ᠤ ᠡᠬᠢ ᠰᠤᠷᠪᠤᠯᠵᠢ ᠶᠢᠨ ᠭᠥᠳᠡᠯᠥᠩᠭᠦᠢ ᠲᠡᠩᠴᠡᠭᠦᠷᠢᠰᠢᠯ᠂ | ᠰᠥᠯᠵᠢᠶᠡᠨ ᠲᠡᠭᠡᠷᠡᠬᠢ ᠬᠤᠪᠢᠶᠠᠷᠢᠯᠠᠯ ᠢ ᠪᠡᠶᠡᠯᠡᠭᠦᠯᠵᠥ᠂ ᠲᠤᠭ᠎ᠠ ᠪᠡᠷᠢᠮᠳᠠ ᠪᠠᠷ ᠵᠠᠰᠠᠭ ᠢ ᠰᠢᠯᠢᠳᠡᠭᠵᠢᠭᠦᠯᠥᠨ ᠠᠷᠠᠳ | ᠢ ᠬᠠᠷᠠᠭᠠᠯᠵᠠᠵᠤ᠂ ᠤᠯᠠᠨ ᠭᠥᠷᠢᠶ᠎ᠡ ᠬᠡᠪᠴᠢᠶᠡᠨ ᠤ ᠲᠤᠭᠠᠴᠠᠯᠠᠯᠳᠠ ᠪᠠᠷ ᠭᠤᠤᠯ ᠪᠤᠯᠭᠠᠭᠰᠠᠨ ︽ᠤᠶᠤᠨᠴᠢ ᠡᠮᠥᠨᠡᠳᠥ | ᠤᠳᠤᠭ︾ ᠢ ᠪᠠᠶᠢᠭᠤᠯᠤᠨ᠎ᠠ᠃ ᠲᠤᠰᠬᠠᠢ ᠪᠠᠷᠢᠮᠳᠠ ᠶᠢᠨ ᠭᠥᠮᠥᠷᠭᠡ ᠶᠢ ᠲᠡᠭᠦᠯᠳᠡᠷᠵᠢᠭᠦᠯᠥᠨ᠂ ᠲᠤᠭ᠎ᠠ ᠪᠠᠷᠢᠮᠳᠠ ᠶᠢᠨ | ᠵᠠᠳᠠᠯᠤᠯᠳᠠ ᠭᠡᠷᠡᠭᠯᠡᠯᠳᠡ ᠶᠢ ᠴᠢᠩᠭᠠᠳᠬᠠᠵᠤ᠂ ᠠᠵᠤ ᠠᠬᠤᠢ᠂ ᠬᠤᠳᠠ ᠪᠠᠯᠭᠠᠳ᠂ ᠨᠡᠶᠢᠭᠡᠮ ᠨᠡᠶᠢᠳᠡ ᠶᠢᠨ ᠤᠯᠠᠨ | ᠬᠠᠷᠠᠭᠠᠰᠤᠳᠤ ᠲᠤᠭᠠᠴᠠᠯᠠᠭᠰᠠᠨ ᠭᠠᠵᠠᠷ ᠤᠨ ᠵᠢᠷᠤᠭ ᠭᠠᠷᠭᠠᠵᠤ᠂ ᠵᠠᠰᠠᠭ ᠵᠠᠬᠢᠷᠭᠠᠨ ᠤ ᠰᠢᠢᠳᠪᠥᠷᠢ ᠲᠤᠭᠳᠠᠭᠠᠯᠳᠠ | ᠳᠤ ᠤᠯᠠᠨ ᠲᠥᠮᠡᠨ ᠤ ᠰᠠᠨᠠᠯ ᠤᠨ ᠯᠠᠪᠯᠠᠯᠳᠠ ᠪᠤᠯᠤᠨ ᠥᠵᠡᠭᠳᠡᠯᠳᠤ ᠪᠠᠷᠢᠮᠳᠠ ᠬᠠᠩᠭᠠᠨ᠂ ᠵᠠᠰᠠᠭ ᠤᠨ ᠤᠷᠳᠤᠨ ᠤ | ᠰᠢᠢᠳᠪᠥᠷᠢ ᠶᠢᠨ ᠰᠢᠨᠵᠢᠯᠡᠭᠦ ᠤᠬᠠᠭᠠᠨᠴᠢᠯᠠᠭᠰᠠᠨ ᠲᠥᠪᠰᠢᠨ ᠢ ᠥᠨᠡᠨ ᠭᠦ ᠲᠡᠭᠡᠭᠰᠢᠯᠡᠭᠦᠯᠥᠨ᠎ᠡ᠃ | ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠎ᠠ᠃ ᠥᠢᠯᠡᠰ ᠪᠥᠳᠥᠭᠡᠨ ᠰᠢᠨᠡᠴᠢᠯᠡᠯᠳᠡ ᠬᠢᠭᠦ ᠶᠠᠪᠤᠴᠠ ᠳᠤ ᠬᠢ | ᠭᠥᠮᠥᠨ ᠬᠡᠷᠡᠭᠯᠡᠭᠦ ᠲᠤᠭᠳᠠᠴᠠ ᠪᠤᠯᠤᠨ ᠠᠯᠳᠠᠰᠢ ᠪᠤᠷᠤᠭᠤᠳᠠᠯ ᠢ ᠵᠠᠯᠠᠷᠠᠭᠤᠯᠬᠤ ᠲᠤᠭᠳᠠᠴᠠ ᠶᠢ ᠲᠡᠭᠦᠯᠳᠡᠷᠵᠢᠭᠦᠯᠥᠨ᠂ | ᠥᠨᠠᠨ ᠭᠥᠴᠥᠨ ᠢᠶᠠᠷ ᠥᠢᠯᠡᠰ ᠪᠥᠳᠥᠭᠡᠭᠴᠢᠳ ᠢ ᠵᠤᠷᠢᠬᠤ ᠵᠤᠷᠢᠭ ᠲᠠᠢ ᠭᠥᠰᠡᠭᠦ ᠭᠥᠰᠡᠯ ᠲᠠᠢ ᠪᠤᠯᠭᠠᠵᠤ᠂ | ᠬᠠᠷᠢᠭᠤᠴᠠᠯᠭ᠎ᠠ ᠰᠠᠶᠢᠳᠠᠢ ᠳᠤ ᠨᠢ ᠲᠥᠰᠢᠭ ᠲᠤᠯᠤᠨ᠎ᠠ᠃ ᠬᠢᠨᠠᠯᠳᠠ ᠪᠠᠶᠢᠴᠠᠭᠠᠯᠳᠠ ᠶᠢ ᠴᠢᠩᠭᠠᠳᠬᠠᠨ᠂ ᠵᠢᠭᠠᠯᠳᠠ | ᠭᠥᠢᠴᠡᠳᠭᠡᠯ ᠢ ᠨᠠᠷᠢᠯᠢᠭᠵᠢᠭᠤᠯᠤᠨ᠂ ᠬᠠᠷᠢᠭᠤᠴᠠᠯᠭ᠎ᠠ ᠡᠭᠦᠷᠭᠡᠯᠡᠯ ᠢ ᠲᠤᠳᠤᠳᠬᠠᠵᠤ᠂ ᠰᠢᠨᠵᠢᠯᠡᠭᠦ ᠤᠬᠠᠭᠠᠨᠴᠢ ᠪᠠᠷ | ᠰᠢᠯᠭᠠᠷᠠᠭᠤᠯᠵᠤ᠂ ᠬᠤᠪᠢᠶᠠᠷᠢᠯᠠᠨ ᠪᠠᠭᠤᠯᠭᠠᠭᠰᠠᠨ ᠡᠭᠦᠷᠭᠡ ᠨᠤᠭᠤᠳ ᠢ ︽ᠲᠠᠩᠰᠠ ᠶᠤᠰᠤᠭᠠᠷ ᠰᠢᠯᠭᠠᠨ ᠬᠤᠷᠢᠶᠠᠵᠤ | ︾᠂ ᠵᠤᠷᠢᠭᠵᠢᠭᠤᠯᠤᠯ ᠵᠠᠯᠬᠠᠭᠠᠯ ᠢ ᠴᠢᠩᠭᠠᠳᠬᠠᠨ᠂ ᠪᠠᠶᠢᠷᠢ ᠡᠵᠡᠯᠡᠨ ᠬᠤᠭᠤᠰᠤᠨ ᠰᠠᠬᠢᠭᠴᠢᠳ᠂ ᠪᠡᠯᠡᠨ ᠢ ᠢᠳᠡᠨ | ᠵᠥᠭᠡᠷ ᠰᠠᠭᠤᠭᠴᠢᠳ᠂ ᠪᠤᠰᠤᠳ ᠢ ᠶᠥᠭᠡᠳᠡᠨ ᠪᠤᠰᠤᠷᠮᠠᠭ ᠠᠪᠤᠷᠢᠯᠠᠭᠴᠢᠳ ᠠᠴᠠ ᠡᠷᠡᠰ ᠴᠢᠩᠭ᠎ᠠ ᠪᠠᠷ | ᠬᠠᠷᠢᠭᠤᠴᠠᠯᠭ᠎ᠠ ᠠᠰᠠᠭᠤᠨ᠎ᠠ᠃ ᠬᠤᠰᠢᠭᠤ ᠲᠠᠶᠠᠭᠠᠷ ︽ᠤᠷᠤᠭᠰᠢᠯᠠᠨ ᠲᠠᠪᠰᠢᠵᠤ ᠡᠮᠥᠨ᠎ᠡ ᠨᠢ ᠮᠠᠩᠯᠠᠶᠢᠯᠠᠬᠤ︾ | ᠤᠬᠠᠮᠰᠠᠷ ᠬᠠᠷᠢᠭᠤᠴᠠᠯᠭ᠎ᠠ ᠶᠢ ᠡᠷᠬᠢᠮᠯᠡᠨ᠂ ᠡᠷᠴᠢ ᠵᠤᠷᠢᠭ ᠡᠯᠢᠭᠡᠨ ᠲᠠᠮᠢᠷ ᠢᠶᠠᠨ ᠰᠢᠪᠬᠠᠨ ᠬᠤᠰᠢᠭᠤ ᠨᠤᠳᠤᠭ ᠤᠨ | ᠢᠶᠠᠨ ᠭᠡᠭᠡᠨ ᠮᠠᠷᠭᠠᠰᠢ ᠳᠤ ᠭᠥᠴᠥᠯᠡᠨᠡ᠃ | ᠠᠷᠢᠭᠤᠨ ᠴᠢᠭᠡᠴᠢ ᠲᠥᠪ ᠰᠠᠬᠢᠯᠭ᠎ᠠ ᠢ ᠴᠢᠩᠭᠠᠳᠬᠠᠨ᠎ᠠ᠃ ︽ᠲᠥᠪ ᠤᠨ ᠨᠠᠢᠮᠠᠨ ᠲᠤᠭᠳᠠᠭᠠᠯ︾ ᠤᠨ | ᠵᠤᠷᠢᠭ ᠰᠠᠨᠠᠭ᠎ᠠ ᠪᠤᠯᠤᠨ ᠬᠡᠷᠡᠭᠵᠢᠭᠦᠯᠭᠦ ᠨᠡᠷᠢᠨ ᠲᠥᠷᠢᠮ ᠢ ᠰᠠᠶᠢᠳᠤᠷ ᠭᠡᠷᠡᠭᠵᠢᠭᠦᠯᠥᠨ᠂ ᠲᠥᠷᠥ ᠶᠢᠨ ᠶᠠᠪᠤᠳᠠᠯ ᠤᠨ | ᠬᠤᠷᠢᠶᠠᠨ ᠤ ︽ᠭᠤᠷᠪᠠᠨ ᠵᠢᠷᠤᠮᠯᠠᠯ︾ ᠢ ᠨᠠᠶᠢᠳᠠᠪᠤᠷᠢᠵᠢᠭᠤᠯᠵᠤ᠂ ︽ᠲᠥᠷᠪᠡᠨ ᠨᠠᠵᠠᠭᠠᠢ ᠰᠤᠷᠳᠠᠯ︾ ᠢ | ᠥᠷᠭᠦᠯᠵᠢᠳᠡ ᠡᠰᠡᠷᠭᠦᠴᠡᠨ᠂ ᠬᠡᠪ ᠰᠤᠷᠳᠠᠯ ᠢᠶᠠᠨ ᠰᠠᠶᠢᠵᠢᠷᠠᠭᠤᠯᠤᠨ᠎ᠠ᠃ ︽ᠭᠤᠷᠪᠠᠨ ᠠᠯᠪᠠᠨ ᠤ ᠵᠠᠷᠤᠳᠠᠯ︾ ᠢ | ᠪᠠᠭᠠᠰᠬᠠᠨ᠂ ᠠᠷᠪᠢᠴᠢ ᠭᠠᠮᠳᠠᠢ ᠠᠵᠢᠯᠯᠠᠨ ᠢᠯᠡ ᠲᠤᠳᠤ ᠵᠠᠰᠠᠭᠯᠠᠵᠤ᠂ ᠠᠮᠠᠯᠠᠭᠰᠠᠨ ᠵᠥᠢᠯ ᠢᠶᠠᠨ ᠭᠥᠢᠴᠡᠳᠭᠡᠨ᠂ | ᠵᠠᠰᠠᠭ ᠤᠨ ᠤᠷᠳᠤᠨ ᠤ ᠨᠡᠶᠢᠳᠡ ᠶᠢᠨ ᠢᠳᠡᠭᠡᠮᠵᠢ ᠶᠢ ᠲᠡᠭᠡᠭᠰᠢᠯᠡᠭᠦᠯᠥᠨ᠎ᠡ︔ ᠤᠳᠤᠷᠢᠳᠤᠯᠭ᠎ᠠ ᠺᠠᠳ᠋ᠷᠴᠤᠳ ᠤᠨ | ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠶᠢᠨ ᠪᠥᠭᠦ ᠪᠥᠷᠭᠦᠴᠡ ᠶᠢ ᠠᠬᠢᠭᠤᠯᠤᠨ᠂ ᠡᠯ᠎ᠡ | ᠲᠥᠷᠥᠯ ᠤᠨ ᠢᠯᠵᠢᠷᠡᠯ ᠤᠨ ᠭᠡᠷᠡᠭ ᠢ ᠰᠡᠷᠭᠡᠶᠢᠯᠡᠨ ᠰᠢᠢᠳᠪᠥᠷᠢᠯᠡᠵᠥ᠂ ᠤᠯᠠᠨ ᠲᠥᠮᠡᠨ ᠤ ᠠᠰᠢᠭ ᠲᠤᠰᠠ ᠶᠢ | ᠬᠤᠬᠢᠷᠠᠭᠤᠯᠤᠭᠰᠠᠨ ᠠᠵᠢᠯᠯᠠᠭ᠎ᠠ ᠶᠢ ᠡᠷᠡᠰ ᠵᠠᠯᠠᠷᠠᠭᠤᠯᠤᠨ᠂ ᠠᠷᠠᠳ ᠤᠨ ᠲᠥᠯᠥᠭᠡᠨ᠎ᠡ ᠵᠠᠰᠠᠭᠯᠠᠬᠤ ᠶᠢᠨ ᠪᠠᠳᠤ | ᠰᠠᠭᠤᠷᠢ ᠶᠢ ᠪᠠᠬᠢᠯᠡᠵᠥ᠂ ᠠᠵᠢᠯ ᠤᠨ ᠬᠠᠷᠢᠭᠤᠴᠠᠯᠭ᠎ᠠ ᠪᠠᠨ ᠭᠥᠢᠴᠡᠳᠭᠡᠭᠦ ᠴᠢᠭᠯᠡᠯ ᠵᠥᠭ ᠢᠶᠠᠨ ᠲᠤᠳᠤᠳᠬᠠᠨ᠂ | ᠢᠯᠵᠢᠷᠡᠯ ᠲᠤᠷᠤᠶᠢᠳᠠᠯ ᠢ ᠡᠰᠡᠷᠭᠦᠴᠡᠭᠦ ᠭᠥᠴᠥᠨ ᠵᠤᠷᠢᠭ ᠢ ᠡᠷᠴᠢᠯᠡᠵᠥ᠂ ᠴᠢᠨᠠᠷ ᠠᠷᠢᠭᠤᠨ ᠵᠢᠳᠭᠦᠯ ᠥᠨᠡᠨᠴᠢ | ᠪᠠᠶᠢᠬᠤ ᠪᠠᠨ ᠪᠠᠳᠤᠯᠠᠨ᠎ᠠ᠃ | ᠲᠥᠯᠥᠭᠡᠯᠡᠭᠴᠢᠳ ᠡ᠂ ᠠᠤᠭ᠎ᠠ ᠡᠷᠡᠨ ᠭᠥᠰᠡᠯ ᠢ ᠬᠥᠪᠴᠢᠯᠡᠵᠥ᠂ ᠠᠭᠤᠤ ᠥᠢᠯᠡᠰ ᠭᠥᠴᠥᠨ ᠢ | ᠡᠷᠴᠢᠯᠡᠭᠦᠯᠵᠥ ᠪᠤᠢ᠃ ᠠᠶᠠᠨ ᠤ ᠬᠤᠯᠠ ᠭᠡᠳᠥᠢ ᠪᠡᠷᠭᠡ ᠰᠠᠭᠠᠳ ᠲᠠᠢ ᠪᠠᠶᠢᠭᠰᠠᠨ ᠴᠤ᠂ ᠪᠢᠳᠠ ᠵᠤᠷᠢᠯᠳᠠ ᠪᠠᠨ | ᠨᠢᠭᠡᠳᠭᠡᠨ ᠵᠤᠷᠢᠭ ᠢᠶᠠᠨ ᠬᠠᠮᠳᠤᠳᠬᠠᠪᠠᠯ ᠡᠴᠥᠰ ᠤᠨ ᠢᠯᠠᠯᠳᠠ ᠶᠢ ᠯᠠᠪᠳᠠᠶᠢᠶ᠎ᠠ ᠤᠯᠬᠤ ᠶᠤᠮ᠃ ᠪᠢᠳᠠ᠂ ᠰᠢ ᠶᠢᠨ | ᠫᠢᠩ ᠨᠥᠭᠦᠷ ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠶᠢᠨ ᠲᠤᠭᠤᠷᠢᠨ ᠳᠤ ᠪᠠᠳᠤ ᠪᠥᠯᠭᠦᠮᠳᠠᠵᠤ᠂ | ᠬᠤᠰᠢᠭᠤ ᠨᠠᠮ ᠤᠨ ᠬᠤᠷᠢᠶᠠᠨ ᠤ ᠡᠷᠴᠢᠳᠤ ᠤᠳᠤᠷᠢᠳᠤᠯᠭ᠎ᠠ ᠲᠤᠤᠷ᠎ᠠ ᠤᠭ ᠵᠤᠷᠢᠯᠳᠠ ᠪᠠᠨ ᠤᠮᠠᠷᠳᠠᠯ ᠥᠭᠡᠢ | ᠲᠠᠷᠬᠠᠨ ᠬᠠᠷᠢᠭᠤᠴᠠᠯᠭ᠎ᠠ ᠪᠠᠨ ᠪᠠᠳᠤ ᠴᠠᠬᠡᠵᠢᠯᠡᠵᠥ᠂ ᠠᠰᠢᠳᠠ ᠪᠠᠳᠤ ᠪᠥᠯᠭᠦᠮᠳᠠᠨ ᠠᠰᠢᠭ ᠵᠢᠷᠭᠠᠯ ᠢ ᠪᠥᠳᠥᠭᠡᠵᠥ᠂ | ᠤᠯᠠᠨ ᠠᠴᠠ ᠤᠷᠤᠶᠢᠯᠠᠨ ᠴᠢᠨᠡᠭᠡᠯᠢᠭ ᠨᠡᠶᠢᠭᠡᠮ ᠢ ᠪᠥᠭᠦ ᠲᠠᠯ᠎ᠠ ᠪᠠᠷ ᠪᠠᠶᠢᠭᠤᠯᠵᠤ᠂ ᠡᠯ᠎ᠡ ᠲᠥᠷᠥᠯ ᠤᠨ ᠠᠵᠢᠯ ᠢᠶᠠᠨ | ᠪᠥᠭᠦ ᠤᠯᠤᠰ ᠤᠨ ᠲᠡᠷᠢᠭᠦᠨ ᠤ ᠡᠩᠨᠡᠭᠡᠨ ᠳᠤ ᠤᠷᠤᠭᠤᠯᠬᠤ ᠠᠭᠤᠤ ᠶᠡᠭᠡ ᠬᠠᠷᠠᠯᠳᠠ ᠶᠢᠨ ᠲᠥᠯᠥᠭᠡᠨ᠎ᠡ ᠴᠤᠴᠠᠰᠢ | ᠥᠭᠡᠢ ᠲᠡᠮᠡᠴᠠᠰᠥᠭᠡᠢ︕ | | | ᠨᠡᠷᠡᠰ ᠤᠨ ᠲᠠᠶᠢᠯᠪᠤᠷᠢ | 1. ︽ᠲᠡᠰ ᠴᠢᠨᠠᠷᠳᠤ ᠮᠠᠯ ᠲᠠᠷᠢᠶᠠᠯᠠᠩ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ᠂ ᠪᠤᠯᠪᠠᠰᠤᠷᠠᠯ ᠰᠠᠶᠢᠳᠠᠢ | ᠮᠠᠯᠴᠢᠨ ᠲᠠᠷᠢᠶᠠᠴᠢᠳ︾᠄ ᠬᠤᠰᠢᠭᠤ ᠨᠠᠮ ᠤᠨ ᠬᠤᠷᠢᠶ᠎ᠠ ᠶᠢᠨ ᠶᠢᠰᠥᠳᠥᠭᠡᠷ ᠬᠤᠭᠤᠴᠠᠭᠠᠨ ᠤ ᠭᠤᠷᠪᠠᠳᠤᠭᠠᠷ | ᠪᠥᠭᠦᠳᠡ ᠬᠤᠷᠠᠯᠳᠤᠭᠠᠨ ᠠᠩᠬ᠎ᠠ ᠲᠤᠷᠠᠳᠴᠤ ᠭᠠᠷᠭᠠᠭᠰᠠᠨ ᠪᠤᠳᠤᠯᠭ᠎ᠠ᠃ ᠮᠠᠨ ᠤ ᠬᠤᠰᠢᠭᠤ ︽ᠮᠠᠯ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠳ︾ ᠤᠨ ᠠᠰᠠᠭᠤᠳᠠᠯ ᠳᠤ ᠴᠢᠭᠯᠡᠭᠦᠯᠥᠨ᠂ ᠲᠡᠰ ᠴᠢᠨᠠᠷᠳᠤ | ᠮᠠᠯ ᠲᠠᠷᠢᠶᠠᠯᠠᠩ ᠤᠨ ᠥᠢᠯᠡᠰ ᠢ ᠴᠤᠭᠴᠠᠯᠠᠵᠤ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ ᠢ ᠪᠠᠶᠢᠭᠤᠯᠤᠨ᠂ | ᠮᠠᠯᠴᠢᠨ ᠲᠠᠷᠢᠶᠠᠴᠢᠳ ᠢ ᠪᠤᠯᠪᠠᠰᠤᠷᠠᠯ ᠮᠡᠷᠭᠡᠵᠢᠯ ᠰᠠᠶᠢᠳᠠᠢ ᠪᠤᠯᠭᠠᠵᠤ᠂ ᠮᠠᠯ ᠲᠠᠷᠢᠶᠠᠯᠠᠩ ᠤᠨ ᠥᠢᠯᠡᠰ ᠤᠨ | ᠲᠤᠳᠤᠭᠠᠳᠤ ᠠᠮᠢᠵᠢᠷᠠᠯ ᠤᠨ ᠭᠥᠴᠥᠨ ᠢ ᠢᠳᠡᠪᠬᠢᠯᠡᠭᠦᠯᠤᠨ᠂ ᠮᠠᠯᠵᠢᠬᠤ ᠲᠠᠷᠢᠶᠠᠯᠠᠬᠤ ᠤᠷᠤᠨ ᠤ ᠭᠥᠭᠵᠢᠯᠳᠡ ᠶᠢ | ᠲᠥᠷᠭᠡᠳᠭᠡᠵᠥ᠂ ᠮᠠᠯᠴᠢᠨ ᠲᠠᠷᠢᠶᠠᠴᠢᠳ ᠤᠨᠤᠷᠤᠯᠭᠠ ᠶᠢ ᠨᠡᠮᠡᠭᠳᠡᠭᠦᠯᠥᠨ ᠴᠢᠨᠡᠭᠡᠯᠢᠭᠵᠢᠭᠦᠯᠭᠦ ᠵᠤᠷᠢᠯᠭ᠎ᠠ ᠲᠠᠢ | ᠪᠤᠳᠤᠯᠭ᠎ᠠ ᠶᠤᠮ᠃ | 2. ᠪᠥᠭᠦ ᠴᠠᠷᠠᠭᠠᠨ ᠤ ᠵᠢᠭᠤᠯᠴᠢᠯᠠᠯ᠄ ᠨᠢᠭᠡ ᠤᠷᠤᠨ ᠬᠡᠪᠴᠢᠶ᠎ᠡ ᠲᠤᠳᠤᠷ᠎ᠠ ᠵᠢᠭᠤᠯᠴᠢᠯᠠᠯ ᠢᠶᠠᠷ ᠲᠠᠪᠠᠭᠤᠯᠢᠭᠳᠤ ᠠᠵᠤ | ᠥᠢᠯᠡᠰ ᠪᠤᠯᠭᠠᠨ᠂ ᠤᠷᠤᠨ ᠬᠡᠪᠴᠢᠶ᠎ᠡ ᠲᠤᠳᠤᠷᠠᠬᠢ ᠠᠵᠤ ᠠᠬᠤᠢ ᠨᠡᠶᠢᠭᠡᠮ ᠤᠨ ᠡᠬᠢ ᠰᠤᠷᠪᠤᠯᠵᠢ᠂ ᠤᠨᠴᠠᠭᠠᠶᠢᠯᠠᠨ | ᠵᠢᠭᠤᠯᠴᠢᠯᠠᠯ ᠤᠨ ᠡᠬᠢ ᠰᠤᠷᠪᠤᠯᠵᠢ ᠪᠠ ᠲᠡᠭᠦᠨ ᠯᠦᠭᠡ ᠬᠤᠯᠪᠤᠭ᠎ᠠ ᠪᠥᠭᠦᠢ ᠠᠵᠤ ᠥᠢᠯᠡᠰ᠂ ᠠᠮᠢ ᠠᠬᠤᠢ ᠤᠷᠴᠢᠨ | ᠲᠤᠭᠤᠷᠢᠨ᠂ ᠤᠯᠠᠨ ᠨᠡᠶᠢᠳᠡ ᠶᠢᠨ ᠥᠢᠯᠡᠴᠢᠯᠡᠭᠡ᠂ ᠪᠠᠶᠢᠭᠤᠯᠤᠮᠵᠢ ᠶᠢᠨ ᠲᠤᠭᠳᠠᠴᠠ᠂ ᠲᠥᠷᠥ ᠶᠢᠨ ᠪᠤᠳᠤᠯᠭ᠎ᠠ | ᠬᠠᠤᠯᠢ ᠲᠥᠷᠢᠮ᠂ ᠪᠤᠯᠪᠠᠰᠤᠨ ᠶᠤᠰᠤ ᠰᠤᠷᠳᠠᠯ ᠵᠡᠷᠭᠡ ᠶᠢ ᠪᠥᠭᠦ ᠲᠠᠯ᠎ᠠ ᠪᠠᠷ ᠰᠢᠰᠲ᠋ᠧᠮ ᠲᠠᠢ ᠪᠠᠷ ᠰᠢᠯᠢᠳᠡᠭᠵᠢᠭᠦᠯᠥᠨ | ᠲᠡᠰ ᠲᠠᠪᠰᠢᠭᠤᠯᠬᠤ ᠪᠠᠷ ᠲᠠᠮᠵᠢᠭᠤᠯᠤᠨ᠂ ᠤᠷᠤᠨ ᠬᠡᠪᠴᠢᠶᠡᠨ ᠤ ᠡᠬᠢ ᠰᠤᠷᠪᠤᠯᠵᠢ ᠶᠢᠨ ᠤᠷᠭᠠᠨᠢᠭ ᠨᠢᠭᠡᠳᠥᠯ᠂ | ᠠᠵᠤ ᠥᠢᠯᠡᠰ ᠤᠨ ᠠᠭᠤᠰᠤᠯᠴᠠᠯ ᠭᠥᠭᠵᠢᠯ᠂ ᠨᠠᠶᠢᠭᠡᠮ ᠤᠨ ᠬᠠᠮ ᠪᠥᠳᠥᠭᠡᠯ ᠴᠤᠭ ᠡᠳ᠋ᠯᠡᠯ ᠢ ᠪᠡᠶᠡᠯᠡᠭᠦᠯᠵᠥ᠂ | ᠵᠢᠭᠤᠯᠴᠢᠯᠠᠯ ᠤᠨ ᠥᠢᠯᠡᠰ ᠢᠶᠠᠷ ᠠᠵᠤ ᠠᠬᠤᠢ ᠨᠡᠶᠢᠭᠡᠮ ᠤᠨ ᠵᠤᠬᠢᠴᠠᠯᠳᠤ ᠭᠥᠭᠵᠢᠯᠳᠡ ᠶᠢ ᠲᠠᠶᠢᠴᠢᠯᠠᠨ ᠭᠥᠭᠵᠢᠭᠡᠭᠦ | ᠨᠢᠭᠡᠨ ᠲᠥᠷᠥᠯ ᠤᠨ ᠴᠥ᠋ ᠰᠢᠨ᠎ᠡ ᠤᠷᠤᠨ ᠬᠡᠪᠴᠢᠶᠡᠨ ᠤ ᠵᠤᠬᠢᠴᠠᠯᠳᠤ ᠭᠥᠭᠵᠢᠭᠦᠯᠥᠯᠳᠡ ᠶᠢᠨ ᠰᠡᠳᠬᠢᠮᠵᠢ ᠪᠠ | ᠵᠠᠭᠪᠤᠷ ᠪᠣᠯᠣᠨ᠎ᠠ᠃ | 3. ︽LNG︾᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ︵Liquefied Natural Gas | ︶ ᠶᠢᠨ ᠲᠤᠪᠴᠢᠯᠠᠯ ᠪᠢᠴᠢᠯᠭᠡ᠃ | 4. ︽ᠵᠢᠷᠭᠤᠭᠠᠵᠢᠯᠳᠠ ᠶᠢᠨ ᠬᠤᠯᠪᠤᠭᠠᠯᠠᠯ︾᠄ ᠮᠠᠨ ᠤ ᠬᠤᠰᠢᠭᠤ ᠮᠠᠯ ᠲᠠᠷᠢᠶᠠᠯᠠᠩ ᠤᠨ ᠥᠢᠯᠡᠰ ᠢ ᠲᠡᠰ | ᠲᠠᠪᠰᠢᠭᠤᠯᠤᠨ ᠴᠢᠨᠠᠷ ᠲᠡᠭᠡᠭᠰᠢᠯᠡᠭᠦᠯᠭᠦ ᠵᠤᠷᠢᠯᠭ᠎ᠠ ᠪᠠᠷ ᠲᠤᠭᠳᠠᠭᠠᠭᠰᠠᠨ ᠪᠤᠳᠤᠯᠭ᠎ᠠ᠃ ᠲᠤᠬᠠᠶᠢᠯᠠᠪᠠᠯ ᠬᠡᠪᠴᠢᠶᠡᠵᠢᠯ | ᠡᠵᠡᠩᠨᠡᠯᠳᠡ᠂ ᠠᠵᠤ ᠥᠢᠯᠡᠰᠵᠢᠭᠰᠡᠨ ᠭᠥᠭᠵᠢᠯᠳᠡ᠂ ᠵᠤᠬᠢᠶᠠᠨ ᠪᠠᠶᠢᠭᠤᠯᠤᠯᠳᠠ ᠲᠠᠢ ᠪᠥᠳᠥᠮᠵᠢ ᠲᠡᠭᠡᠭᠰᠢᠯᠡᠭᠦᠯᠥᠯᠳᠡ᠂ | ᠨᠡᠷᠡᠳᠤ ᠲᠡᠮᠳᠡᠭ ᠲᠠᠢ ᠤᠷᠤᠯᠭ᠎ᠠ ᠨᠡᠮᠡᠭᠳᠡᠯ᠂ ᠵᠠᠬ᠎ᠠ ᠲᠡᠯᠭᠡᠭᠦᠷᠴᠢᠯᠡᠭᠰᠡᠨ ᠡᠵᠡᠩᠨᠡᠯᠳᠡ ᠪᠤᠷᠤᠯᠠᠭᠤᠯᠤᠯᠳᠠ ᠪᠤᠯᠤᠨ | ᠪᠠᠷᠢᠮᠵᠢᠶᠠᠴᠢᠯᠠᠭᠰᠠᠨ ᠥᠢᠯᠡᠴᠢᠯᠡᠭᠡ ᠬᠢᠭᠦ ᠵᠢᠷᠭᠤᠭᠠᠨ ᠲᠥᠷᠥᠯ ᠤᠨ ᠠᠷᠭ᠎ᠠ ᠠᠪᠴᠠᠯ᠃ | 5. ︽ᠭᠤᠷᠪᠠᠨ ᠪᠥᠳᠥᠭᠡᠭᠳᠡᠭᠦᠨ ᠨᠢᠭᠡ ᠢᠯᠡᠳᠭᠡᠯ ᠲᠠᠩᠰᠠᠯᠠᠯᠳᠠ︾᠄ ᠮᠠᠯ ᠲᠠᠷᠢᠶᠠᠨ ᠤ ᠪᠤᠬᠢᠷᠳᠤᠯ ᠥᠭᠡᠢ ᠠᠰᠢᠭ | ᠰᠢᠮ᠎ᠡ᠂ ᠪᠤᠵᠠᠷᠳᠤᠯ ᠥᠭᠡᠢ ᠢᠳᠡᠭᠡᠨ᠂ ᠮᠠᠯ ᠲᠠᠷᠢᠶᠠᠨ ᠤ ᠤᠷᠭᠠᠨᠢᠭ ᠪᠥᠳᠥᠭᠡᠭᠳᠡᠭᠦᠨ ᠬᠢᠭᠡᠳ ᠮᠠᠯ ᠲᠠᠷᠢᠶᠠᠨ ᠤ | ᠠᠰᠢᠭ ᠰᠢᠮ᠎ᠡ ᠶᠢᠨ ᠭᠠᠵᠠᠷ ᠵᠥᠢ ᠶᠢᠨ ᠢᠯᠡᠳᠭᠡᠯ ᠲᠠᠩᠰᠠᠯᠠᠯᠳᠠ ᠶᠢ ᠬᠡᠯᠡᠵᠥ ᠪᠤᠢ᠃ | 6. ᠮᠠᠯᠵᠢᠬᠤ ᠲᠠᠷᠢᠶᠠᠯᠠᠬᠤ ᠤᠷᠤᠨ ᠤ ︽ᠵᠢᠷᠭᠤᠭᠠᠨ ᠡᠷᠭᠡ ᠶᠢᠨ ᠬᠠᠮᠳᠤ ᠲᠤᠳᠤᠷᠬᠠᠶᠢᠯᠠᠯᠳᠠ︾᠄ ᠮᠠᠯᠵᠢᠬᠤ | ᠲᠠᠷᠢᠶᠠᠯᠠᠬᠤ ᠤᠷᠤᠨ ᠤ ᠭᠠᠵᠠᠷ ᠰᠢᠷᠤᠢ ᠲᠠᠭᠠᠭᠠᠴᠢᠯᠠᠨ ᠡᠵᠡᠩᠨᠡᠭᠦ ᠡᠷᠭᠡ᠂ ᠬᠠᠮᠳᠤ ᠶᠢᠨ ᠭᠠᠵᠠᠷ ᠰᠢᠷᠥᠢ ᠶᠢᠨ | ᠥᠮᠴᠢᠯᠡᠯ ᠤᠨ ᠡᠷᠭᠡ᠂ ᠬᠠᠮᠳᠤ ᠶᠢᠨ ᠪᠥᠳᠥᠭᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ ᠰᠢᠷᠥᠢ ᠶᠢ ᠠᠰᠢᠭᠯᠠᠬᠤ | ᠡᠷᠭᠡ ︵ᠤᠷᠤᠨ ᠰᠠᠭᠤᠴᠠ ᠶᠢᠨ ᠰᠠᠭᠤᠷᠢ ᠭᠠᠵᠠᠷ ᠤᠨ ᠭᠡᠷᠡᠭᠯᠡᠯᠳᠡ ᠶᠢᠨ ᠡᠷᠭᠡ ᠶᠢ ᠪᠠᠭᠳᠠᠭᠠᠵᠤ ᠪᠤᠢ︶᠂ ᠬᠠᠮᠳᠤ | ᠶᠢᠨ ᠪᠥᠳᠥᠭᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ ᠰᠢᠷᠥᠢ ᠲᠡᠭᠡᠷᠡᠬᠢ ᠬᠡᠷ ᠪᠠᠶᠢᠰᠢᠩ ︵ᠲᠠᠷᠢᠶᠠᠨ ᠪᠠᠶᠢᠰᠢᠩ ᠢ | ᠪᠠᠭᠳᠠᠭᠠᠨ᠎ᠠ︶ ᠤᠨ ᠥᠮᠴᠢᠯᠡᠯ ᠤᠨ ᠡᠷᠭᠡ᠂ ᠬᠠᠮᠳᠤ ᠶᠢᠨ ᠤᠢ ᠶᠢᠨ ᠡᠷᠭᠡ᠂ ᠪᠠᠭ᠎ᠠ ᠭᠡᠯᠪᠡᠷᠢ ᠶᠢᠨ ᠤᠰᠤᠨ | ᠠᠰᠢᠭᠯᠠᠯᠳᠠ ᠶᠢᠨ ᠪᠠᠷᠢᠯᠭ᠎ᠠ ᠶᠢᠨ ᠡᠷᠭᠡ ᠶᠢᠨ ᠡᠷᠭᠡ ᠲᠤᠳᠤᠳᠬᠠᠬᠤ ᠠᠵᠢᠯ ᠢ ᠵᠢᠭᠠᠵᠤ ᠪᠤᠢ᠃ | 7. ᠮᠠᠯ ᠤᠨ ᠮᠢᠬᠠᠨ ᠤ ᠪᠦᠬᠦ ᠤᠶᠢᠯᠡᠰ ᠤᠨ ᠬᠡᠯᠬᠢᠶᠡᠨ ᠤ ᠬᠡᠳᠡᠷᠬᠦ ᠨᠡᠬᠡᠮᠵᠢᠯᠡᠬᠦ ᠰᠢᠰᠲ᠋ᠧᠮ᠄ ᠢᠳᠡᠭᠡᠨ ᠤ ᠠᠮᠦᠷ | ᠲᠦᠪᠰᠢᠨ ᠤ ᠭᠡᠳᠡᠷᠬᠦ ᠨᠡᠬᠡᠮᠵᠢᠯᠡᠬᠦ ᠬᠠᠮᠢᠶᠠᠷᠣᠯᠳᠠ ᠶᠢᠨ ᠲᠠᠪᠴᠠᠩ ᠢ ᠪᠠᠶᠢᠭᠤᠯᠵᠣ᠂ ᠠᠯᠠᠰᠢᠨ ᠮᠠᠯ ᠤᠨ ᠠᠷᠠᠴᠢᠯᠠᠯᠳᠠ | ᠂ ᠡᠳ᠋ᠰᠢᠭᠦᠯᠦᠯᠳᠠ᠂ ᠭᠦᠢᠯᠭᠡᠭᠡ ᠪᠣᠯᠣᠨ ᠭᠡᠷᠡᠭᠯᠡᠭᠡᠨ ᠤ ᠪᠦᠬᠦ ᠣᠶᠢᠯᠠᠰ ᠤᠨ ᠬᠡᠯᠬᠢᠶ᠎ᠡ ᠶᠢ ᠠᠯᠭᠠᠰᠠᠯ ᠥᠭᠡᠢ ᠬᠢᠨᠠᠨ | ᠬᠠᠮᠢᠶᠠᠷᠴᠤ᠂ ᠡᠬᠢ ᠢᠷᠠᠯᠳᠠ ᠶᠢ ᠨᠢ ᠭᠡᠳᠡᠷᠬᠦ ᠨᠡᠬᠡᠮᠵᠢᠯᠡᠵᠣ᠂ ᠪᠣᠷᠣᠯᠠᠭᠤᠯᠣᠭᠰᠠᠨ ᠭᠠᠵᠠᠷ ᠢ ᠪᠠᠶᠢᠴᠠᠭᠠᠨ᠂ | ᠬᠠᠷᠢᠭᠤᠴᠠᠯᠭ᠎ᠠ ᠨᠡᠬᠡᠮᠵᠢᠯᠡᠬᠦ ᠪᠦᠬᠦ ᠶᠠᠪᠣᠴᠠ ᠶᠢᠨ ᠰᠢᠰᠲ᠋ᠧᠮᠴᠢᠯᠡᠭᠰᠠᠨ ᠨᠡᠬᠡᠮᠵᠢᠯᠠᠯ ᠤᠨ ᠬᠠᠮᠢᠶᠠᠷᠣᠯᠳᠠ ᠶᠢ ᠵᠢᠭᠠᠨ᠎ᠠ᠃ | 2015 ᠣᠨ ᠤ 10 ᠰᠠᠷ᠎ᠠ ᠳᠤ ᠮᠠᠨ ᠤ ᠬᠤᠰᠢᠭᠤ ᠣᠷᠳᠣᠰ ᠬᠤᠳᠠ ᠶᠢᠨ ᠣᠳᠣ ᠦᠶ᠎ᠡ ᠶᠢᠨ ᠮᠠᠯ ᠲᠠᠷᠢᠶᠠᠯᠠᠩ | ᠤᠨ ᠪᠦᠬᠦ ᠣᠶᠢᠯᠠᠰ ᠤᠨ ᠬᠡᠯᠬᠢᠶᠠᠨ ᠤ ᠭᠡᠳᠡᠷᠬᠦ ᠨᠡᠬᠡᠮᠵᠢᠯᠡᠬᠦ ᠰᠢᠰᠲ᠋ᠧᠮ ᠤᠨ ᠲᠣᠷᠰᠢᠯᠳᠠ ᠶᠢᠨ ᠴᠡᠭ ᠪᠣᠯᠵᠣ᠂ ᠡᠨᠡ | ᠬᠦ ᠰᠢᠰᠲ᠋ᠧᠮ ᠢ ᠪᠦᠬᠦ ᠲᠠᠯ᠎ᠠ ᠪᠠᠷ ᠡᠬᠢᠯᠡᠨ ᠬᠡᠷᠡᠭᠵᠢᠭᠦᠯᠪᠡ᠃ | 8. ᠭᠠᠵᠠᠷ ᠲᠤᠤᠷᠠᠬᠢ ᠤᠰᠤ ᠶᠢ ︽ᠶᠡᠷᠥᠩᠭᠡᠢ ᠭᠡᠮᠵᠢᠶ᠎ᠡ ᠶᠢ ᠬᠢᠵᠠᠭᠠᠷᠯᠠᠨ᠂ ᠨᠤᠷᠮᠠᠴᠢᠯᠠᠨ ᠬᠠᠮᠢᠶᠠᠷᠬᠤ︾᠄ ᠮᠠᠨ ᠤ | ᠬᠤᠰᠢᠭᠤ ᠤᠰᠤᠨ ᠡᠬᠢ ᠰᠤᠷᠪᠤᠯᠵᠢ ᠶᠢᠨ ᠬᠠᠮᠢᠶᠠᠷᠤᠯᠳᠠ ᠲᠡᠭᠡᠷ᠎ᠡ ᠬᠠᠮᠤᠭ ᠴᠢᠩᠭ᠎ᠠ ᠥᠭᠡᠷᠡᠴᠢᠯᠡᠯᠳᠡ ᠶᠢᠨ ᠠᠷᠭ᠎ᠠ | ᠠᠪᠴᠠᠯ ᠠᠪᠬᠤ ᠪᠠᠷ ᠲᠤᠷᠠᠳᠤᠭᠰᠠᠨ ᠲᠤᠭᠳᠠᠭᠠᠯ᠃ ᠲᠠᠷᠤᠢ᠂ ᠪᠥᠭᠦ ᠬᠤᠰᠢᠭᠤᠨ ᠤ ᠭᠠᠵᠠᠷ ᠲᠤᠤᠷᠠᠬᠢ ᠤᠰᠤ ᠶᠢ | ᠶᠡᠷᠥᠩᠭᠡᠢ ᠭᠡᠮᠵᠢᠶ᠎ᠡ ᠪᠠᠷ ᠨᠢ ᠥᠨᠳᠥᠰᠥᠯᠡᠨ ᠲᠥᠷᠪᠡᠨ ᠬᠤᠪᠢᠳᠠᠯ ᠬᠤᠪᠢᠶᠠᠷᠢᠯᠠᠯ ᠤᠨ ᠲᠡᠰ ᠲᠤᠭᠳᠠᠭᠠᠵᠤ᠂ | ᠨᠢᠭᠡᠳᠥᠭᠡᠷ ᠲᠡᠰ ᠲᠤ ᠠᠵᠢᠯ ᠲᠥᠷᠥᠯ ᠤᠨ ᠤᠰᠤ ᠬᠡᠷᠡᠭᠯᠡᠭᠦ ᠬᠤᠪᠢ ᠭᠡᠮᠵᠢᠶ᠎ᠡ ᠶᠢ ᠲᠤᠭᠳᠠᠭᠠᠬᠤ︔ ᠬᠤᠶᠠᠳᠤᠭᠠᠷ | ᠲᠡᠰ ᠲᠤ ᠡᠯ᠎ᠡ ᠪᠠᠯᠭᠠᠰᠤᠨ ᠤ ᠤᠰᠤ ᠬᠡᠷᠡᠭᠯᠡᠭᠦ ᠬᠤᠪᠢ ᠬᠡᠮᠵᠢᠶ᠎ᠡ ᠶᠢ ᠲᠤᠭᠳᠠᠭᠠᠬᠤ︔ ᠭᠤᠷᠪᠠᠳᠤᠭᠠᠷ ᠲᠡᠰ ᠲᠤ | ᠭᠠᠴᠠᠭ᠎ᠠ ᠲᠤᠰᠬᠤᠨ ᠨᠤᠭᠤᠳ ᠤᠨ ᠤᠰᠤ ᠬᠡᠷᠡᠭᠯᠡᠭᠦ ᠬᠤᠪᠢ ᠬᠡᠮᠵᠢᠶ᠎ᠡ ᠶᠢ ᠲᠤᠭᠳᠠᠭᠠᠬᠤ︔ ᠲᠥᠷᠪᠡᠳᠥᠭᠡᠷ ᠲᠡᠰ | ᠲᠤ ᠠᠶᠢᠯ ᠡᠷᠥᠭᠡ ᠶᠢᠨ ᠤᠰᠤ ᠬᠡᠷᠡᠭᠯᠡᠭᠦ ᠬᠤᠪᠢ ᠭᠡᠮᠵᠢᠶ᠎ᠡ ᠶᠢ ᠲᠤᠭᠳᠠᠭᠠᠬᠤ ᠲᠤᠭᠳᠠᠭᠠᠯ ᠢ ᠭᠡᠯᠡᠵᠥ ᠪᠤᠢ᠃ | ᠬᠤᠪᠢᠳᠠᠯ ᠬᠤᠪᠢᠶᠠᠷᠢᠯᠠᠯ ᠲᠤᠭᠳᠠᠭᠰᠠᠨ ᠤ ᠲᠠᠷᠠᠭ᠎ᠠ ᠤᠰᠤᠨ ᠡᠬᠢ ᠰᠤᠷᠪᠤᠯᠵᠢ ᠶᠢᠨ ᠵᠤᠬᠢᠰᠳᠠᠢ ᠨᠡᠭᠡᠭᠡᠯᠳᠡ᠂ | ᠶᠡᠷᠥᠩᠭᠡᠢ ᠬᠡᠮᠵᠢᠶᠡᠨ ᠤ ᠡᠵᠡᠮᠰᠢᠯ᠂ ᠨᠤᠷᠮᠠᠴᠢᠯᠠᠭᠰᠠᠨ ᠬᠠᠮᠢᠶᠠᠷᠤᠯᠳᠠ᠂ ᠡᠷᠥᠭᠡ ᠳᠤ ᠬᠤᠪᠢᠶᠠᠭᠰᠠᠨ ᠬᠤᠪᠢᠳᠠᠯ ᠤᠨ | ᠲᠥᠷᠢᠮ ᠲᠤᠭᠳᠠᠭᠠᠯ ᠢ ᠴᠢᠩᠭ᠎ᠠ ᠭᠡᠷᠡᠭᠵᠢᠭᠦᠯᠵᠥ᠂ ᠪᠥᠷᠢᠯᠭᠡᠨ ᠠᠰᠠᠭᠠᠨᠴᠢᠯᠠᠬᠤ ᠶᠢ ᠡᠷᠡᠰ ᠬᠤᠷᠢᠭᠯᠠᠨ᠂ ᠮᠠᠯᠵᠢᠬᠤ | ᠲᠠᠷᠢᠶᠠᠯᠠᠬᠤ ᠤᠷᠤᠨ ᠤ ᠤᠰᠤᠨ ᠡᠬᠢ ᠰᠤᠷᠪᠤᠯᠵᠢ ᠶᠢᠨ ᠥᠷᠭᠦᠯᠵᠢᠭᠦᠶᠢᠴᠡ ᠠᠰᠢᠭᠯᠠᠯᠳᠠ ᠶᠢ ᠪᠡᠶᠡᠯᠡᠭᠦᠯᠥᠨ᠎ᠡ᠃ | 9. ᠨᠤᠳᠤᠭ ᠪᠡᠯᠴᠢᠭᠡᠷ ᠤᠨ ︽3S︾ ᠮᠡᠷᠭᠡᠵᠢᠯ᠄ RS ︵ᠲᠠᠭᠠᠭᠤᠯᠢ ᠣᠳᠣᠨ ᠤ ᠠᠯᠣᠰ ᠰᠠᠷᠠᠯ ᠤᠨ ᠲᠠᠪᠴᠠᠩ | ︶᠂ GIS ︵ᠭᠠᠵᠠᠷ ᠤᠨ ᠭᠠᠳᠠᠷᠭᠤ ᠶᠢᠨ ᠴᠢᠮᠡᠭᠡ ᠵᠠᠩᠬᠢ ᠶᠢᠨ ᠰᠢᠰᠲ᠋ᠧᠮ︶ ᠪᠠ GPS ︵ᠪᠦᠬᠦ ᠪᠦᠮᠪᠦᠷᠴᠡᠭ | ᠤᠨ ᠪᠠᠶᠢᠷᠢ ᠲᠣᠭᠳᠠᠭᠠᠯᠳᠠ ᠶᠢᠨ ᠰᠢᠰᠲ᠋ᠧᠮ︶ ᠤᠨ ᠣᠶᠣᠨᠴᠢ ᠰᠢᠰᠲ᠋ᠧᠮ ᠢ ᠶᠡᠷᠦᠩᠬᠡᠶᠢᠯᠡᠨ ᠠᠰᠢᠭᠯᠠᠵᠣ᠂ ᠨᠣᠳᠤᠭ | ᠪᠡᠯᠴᠢᠭᠡᠷ ᠤᠨ ᠠᠮᠢ ᠠᠬᠤᠢ ᠪᠠ ᠣᠷᠭᠤᠮᠠᠯ ᠤᠨ ᠪᠦᠷᠬᠦᠪᠴᠢ ᠳᠤ ᠴᠠᠭ ᠲᠣᠳᠣᠮ ᠤᠨ ᠬᠢᠨᠠᠯᠳᠠ ᠡᠵᠡᠮᠰᠢᠯ ᠬᠢᠬᠦ | ᠨᠣᠳᠤᠭ ᠪᠡᠯᠴᠢᠭᠡᠷ ᠤᠨ ᠣᠶᠣᠨᠴᠢᠯᠠᠭᠰᠠᠨ ᠬᠠᠮᠢᠶᠠᠷᠣᠯᠳᠠ ᠶᠢᠨ ᠠᠷᠭ᠎ᠠ ᠮᠡᠷᠭᠡᠵᠢᠯ᠃ | 10. ᠲᠡᠭᠦᠯᠢᠯᠳᠡ ᠲᠥᠯᠥᠪᠯᠡᠭᠡ᠄ ᠲᠤᠮᠳᠠᠳᠤ ᠤᠯᠤᠰ ᠤᠨ ᠠᠵᠤ ᠥᠢᠯᠡᠳᠪᠥᠷᠢ ᠪᠤᠯᠤᠨ ᠴᠢᠮᠡᠭᠡ ᠵᠠᠩᠬᠢᠴᠢᠯᠠᠯᠳᠠ | ᠶᠢᠨ ᠶᠠᠮᠤᠨ ᠤ ᠵᠢᠯᠤᠭᠤᠳᠤᠯᠭ᠎ᠠ ᠪᠠᠷ ᠲᠤᠮᠳᠠᠳᠤ ᠤᠯᠤᠰ ᠤᠨ ᠰᠥᠯᠵᠢᠶᠡᠨ ᠬᠤᠳᠠᠯᠳᠤᠭᠠᠨ ᠤ ᠬᠤᠯᠪᠤᠭᠠᠯᠠᠯ ᠤᠨ | ᠠᠵᠤ ᠥᠢᠯᠡᠰ ᠤᠨ ᠥᠢᠯᠡᠴᠢᠯᠡᠭᠡᠨ ᠤ ᠰᠢᠨᠡᠴᠢᠯᠡᠯᠳᠡ ᠶᠢᠨ ᠬᠤᠯᠪᠤᠭᠠᠨ ᠤ ᠬᠢᠨ ᠲᠤᠮᠳᠠᠳᠤ ᠤᠯᠤᠰ ᠤᠨ ᠸᠠᠩ ᠺᠥ᠋ | ᠪᠥᠯᠥᠭᠯᠡᠯ ᠲᠠᠢ ᠬᠠᠮᠳᠤᠷᠠᠯᠴᠠᠨ ᠪᠥᠭᠦ ᠤᠯᠤᠰ ᠤᠨ ᠬᠡᠪᠴᠢᠶᠡᠨᠠ ᠪᠤᠳᠠᠳᠤ ᠴᠤᠭᠴᠠ ᠶᠢᠨ ︽ᠲᠤᠰᠬᠠᠢ ᠮᠡᠷᠭᠡᠵᠢᠯ | ᠲᠠᠢ᠂ ᠨᠠᠷᠢᠯᠢᠭ ᠬᠠᠮᠢᠶᠠᠷᠤᠯᠳᠠ ᠲᠠᠢ᠂ ᠥᠪᠡᠷᠮᠢᠴᠡ ᠤᠨᠴᠠᠯᠢᠭ ᠲᠠᠢ᠂ ᠰᠢᠨᠡᠴᠢᠯᠡᠯ ᠲᠠᠪᠰᠢᠯᠳᠠ ᠲᠠᠢ︾ ᠲᠤᠮᠳᠠ | ᠪᠠᠭ᠎ᠠ ᠵᠢᠵᠢᠭ ᠠᠵᠤ ᠠᠬᠤᠶᠢᠯᠠᠯ ᠤᠨ ᠰᠥᠯᠵᠢᠶᠡᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠯᠳᠡ ᠠᠰᠢᠭᠯᠠᠯᠳᠠ ᠶᠢ | ᠥᠷᠨᠢᠭᠦᠯᠭᠦ ᠲᠤᠰᠬᠠᠢ ᠠᠵᠢᠯᠯᠠᠭᠠᠨ ᠤ ᠲᠥᠯᠥᠪᠯᠡᠭᠡ ᠶᠢ ᠵᠢᠭᠠᠵᠤ ᠪᠤᠢ᠃ | 11. ︽1 + 6︾ ᠬᠤᠪᠢᠰᠬᠠᠯᠳᠤ ᠪᠤᠯᠪᠠᠰᠤᠷᠠᠯ ᠭᠥᠮᠥᠵᠢᠯ ᠤᠨ ᠰᠠᠭᠤᠷᠢᠨ᠄ ︽1︾ ᠪᠤᠯ ᠶᠠᠨ ᠠᠨ ᠤ | ᠥᠨᠳᠥᠰᠥᠳᠡᠨ ᠤ ᠲᠡᠭᠡᠳᠤ ᠰᠤᠷᠭᠠᠭᠤᠯᠢ ᠶᠢᠨ ᠪᠤᠷᠤᠪᠠᠯᠭᠠᠰᠤᠨ ᠳᠤ ᠬᠢ ᠲᠤᠷᠰᠬᠠᠯ ᠤᠨ ᠤᠷᠳᠤᠨ ᠪᠤᠯᠤᠨ | ᠪᠤᠷᠤᠪᠠᠯᠭᠠᠰᠤ ᠶᠢᠨ ᠥᠨᠳᠥᠰᠥᠳᠡᠨ ᠤ ᠺᠠᠳ᠋ᠷᠴᠤᠳ ᠤᠨ ᠲᠡᠭᠡᠳᠤ ᠰᠤᠷᠭᠠᠭᠤᠯᠢ ᠳᠤ ᠺᠠᠳ᠋ᠷᠴᠤᠳ ᠤᠨ ᠬᠥᠮᠥᠵᠢᠯ | ᠪᠤᠯᠪᠠᠰᠤᠷᠠᠯ ᠡᠷᠬᠢᠯᠡᠳᠡᠭ ᠢ ᠵᠢᠭᠠᠵᠤ ᠪᠤᠢ︔ ︽6︾ ᠪᠤᠯ ᠲᠠᠬᠢᠯᠳᠤ ᠶᠢᠨ ᠬᠤᠪᠢᠰᠬᠠᠯᠳᠤ ᠲᠡᠥᠭᠡ ᠶᠢᠨ ᠲᠤᠷᠠᠰᠬᠠᠯ | ᠤᠨ ᠤᠷᠳᠤᠨ᠂ ᠸᠠᠩ ᠵᠧᠨ ᠤ ᠬᠤᠳᠳᠤᠭ ᠤᠨ ᠲᠤᠷᠠᠰᠬᠠᠯ ᠤᠨ ᠭᠥᠷᠢᠶᠡᠯᠠᠩ᠂ ᠡᠷᠸᠢᠨ ᠡᠸ᠋ᠨ᠋ᠰᠲ ︵Erwin | Engst︶ ᠪᠤᠯᠤᠨ ᠵᠤᠨ ᠾᠢᠨᠲ᠋ᠥ᠋ᠨ ︵Joan Hinton︶ ᠤ ᠭᠤᠷᠪᠠᠨ ᠬᠢᠵᠠᠭᠠᠷ ᠤᠨ ᠮᠠᠯᠵᠢᠯ ᠤᠨ ᠲᠠᠯᠠᠪᠠᠢ | ᠶᠢᠨ ᠲᠡᠯᠭᠡᠨ ᠥᠵᠡᠭᠦᠯᠭᠡ ᠶᠢᠨ ᠤᠷᠳᠤᠨ᠂ ᠪᠤᠷᠤᠪᠠᠯᠭᠠᠰᠤᠨ ᠳᠤ ᠬᠢ ᠢᠨᠲ᠋ᠧᠷᠨᠠᠼᠢᠥᠨᠠᠯ ᠤᠨ ᠨᠢᠭᠤᠴᠠ ᠴᠢᠮᠡᠭᠡ | ᠬᠤᠯᠪᠤᠭᠠᠨ ᠤ ᠥᠷᠳᠡᠭᠡ ᠶᠢᠨ ᠲᠡᠯᠭᠡᠨ ᠥᠵᠡᠭᠦᠯᠭᠡ ᠶᠢᠨ ᠤᠷᠳᠤᠨ᠂ ᠥᠷᠡᠭᠳᠡᠭᠰᠡᠨ ᠪᠠᠭᠠᠳᠤᠷ ᠪᠤᠷᠤᠪᠠᠭᠠᠳᠤᠷ | ᠥᠯᠵᠡᠶᠢᠬᠤᠳᠤᠭ ᠤᠨ ᠲᠤᠷᠠᠰᠬᠠᠯ ᠤᠨ ᠬᠥᠷᠢᠶᠡᠯᠡᠩ᠂ ᠬᠥᠷᠬᠢᠷᠡ ᠲᠤᠬᠤᠢ ᠶᠢᠨ ᠪᠠᠶᠢᠯᠳᠤᠭᠠᠨ ᠤ ᠲᠠᠯᠠᠪᠤᠷ ᠤᠨ | ᠲᠤᠷᠠᠰᠬᠠᠯ ᠤᠨ ᠭᠥᠷᠢᠶᠡᠯᠠᠩ ᠵᠡᠷᠭᠡ 6 ᠬᠤᠪᠢᠰᠬᠠᠯᠳᠤ ᠪᠤᠯᠪᠠᠰᠤᠷᠠᠯ ᠭᠥᠮᠥᠵᠢᠯ ᠤᠨ ᠰᠠᠭᠤᠷᠢᠨ ᠢ ᠵᠢᠭᠠᠵᠤ ᠪᠤᠢ᠃ | 12. ᠡᠮᠨᠡᠬᠦ ᠰᠤᠪᠢᠯᠠᠬᠤ ᠶᠢ ᠤᠶᠠᠯᠳᠤᠭᠤᠯᠬᠤ᠄ ᠡᠮᠴᠢᠯᠡᠭᠡ᠂ ᠰᠤᠪᠢᠯᠠᠯ᠂ ᠨᠠᠰᠤᠵᠢᠯ ᠢ ᠢᠵᠢ ᠴᠤᠭᠴᠠᠵᠢᠭᠤᠯᠤᠨ᠂ | ᠡᠮᠴᠢᠯᠡᠭᠡ ᠪᠠ ᠨᠠᠰᠤᠵᠢᠯ ᠤᠨ ᠡᠬᠢ ᠰᠤᠷᠪᠤᠯᠵᠢ ᠶᠢ ᠪᠤᠯᠬᠤ ᠭᠡᠮᠵᠢᠶ᠎ᠡ ᠪᠠᠷ ᠨᠡᠶᠢᠳᠭᠡᠨ ᠨᠢᠭᠡᠳᠭᠡᠵᠥ ᠠᠰᠢᠭᠯᠠᠬᠤ | ᠰᠢᠨ᠎ᠡ ᠠᠷᠭ᠎ᠠ ᠬᠡᠯᠪᠡᠷᠢ᠃ 2017 ᠤᠨ ᠤ 1 ᠰᠠᠷ᠎ᠠ ᠶᠢᠨ 22 ᠤᠨ ᠡᠳᠥᠷ᠂ ᠤᠷᠳᠤᠰ ᠬᠤᠳᠠ ᠶᠢᠨ ︽ᠡᠮᠨᠡᠭᠦ | ᠰᠤᠪᠢᠯᠠᠬᠤ ᠶᠢ ᠤᠶᠠᠯᠳᠤᠭᠤᠯᠤᠭᠰᠠᠨ︾ ᠲᠤᠷᠰᠢᠯᠳᠠ ᠶᠢᠨ ᠴᠡᠭ ᠤᠨ ᠥᠢᠯᠡ ᠮᠠᠨ ᠤ ᠬᠤᠰᠢᠭᠤᠨ ᠤ ︽ᠠᠵᠠᠳᠠᠢ | ᠡᠷᠡᠭᠦᠯᠵᠢᠯ ᠵᠢᠭᠤᠯᠴᠢᠯᠠᠯ ᠰᠤᠪᠢᠯᠠᠯ ᠤᠨ ᠭᠥᠷᠢᠶᠡᠯᠠᠩ︾ ᠳᠤ ᠵᠢᠩᠬᠢᠨᠢ ᠪᠠᠷ ᠡᠷᠥᠭᠡ ᠰᠡᠭᠦᠵᠥ᠂ 2017 ᠤᠨ ᠤ | 11 ᠰᠠᠷ᠎ᠠ ᠳᠤ ᠲᠡᠷᠡ ᠪᠠᠷ ᠥᠪᠡᠷᠳᠡᠭᠡᠨ ᠵᠠᠰᠠᠬᠤ ᠤᠷᠤᠨ ᠤ ᠡᠮᠨᠡᠭᠦ ᠰᠤᠪᠢᠯᠠᠬᠤ ᠶᠢ ᠤᠶᠠᠯᠳᠤᠭᠤᠯᠤᠭᠰᠠᠨ | ᠲᠠᠭᠤᠷᠢᠶᠠᠯ ᠰᠠᠭᠤᠷᠢᠨ ᠢᠶᠠᠷ ᠥᠨᠡᠯᠡᠭᠳᠡᠭᠰᠡᠨ ᠪᠠᠶᠢᠨ᠎ᠠ᠃ | 13.︽ᠴᠠᠬᠢᠷᠮ᠎ᠠ ᠴᠢᠳᠠᠪᠤᠷᠢᠳᠠᠨ︾ ᠤ ᠢᠨᠵᠧᠨᠧᠷᠢᠩ᠄ ᠮᠠᠨ ᠤ ᠬᠤᠰᠢᠭᠤ ᠴᠢᠳᠠᠪᠤᠷᠢᠳᠠᠨ ᠭᠥᠮᠥᠵᠢᠭᠦᠯᠭᠦ ᠪᠠ | ᠤᠷᠢᠨ ᠠᠪᠴᠢᠷᠠᠬᠤ ᠶᠢᠨ ᠲᠥᠯᠥᠭᠡ ᠲᠤᠷᠠᠳᠤᠨ ᠭᠠᠷᠠᠭᠠᠭᠰᠠᠨ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ᠃ | ᠴᠢᠳᠠᠪᠤᠷᠢᠳᠠᠨ ᠭᠥᠮᠥᠵᠢᠭᠦᠯᠭᠦ ᠪᠠ ᠴᠢᠳᠠᠪᠤᠷᠢᠳᠠᠨ ᠤᠷᠢᠬᠤ ᠡᠯ᠎ᠡ ᠲᠥᠷᠥᠯ ᠤᠨ ᠠᠷᠭ᠎ᠠ ᠠᠪᠴᠠᠯ ᠢᠶᠠᠷ ᠲᠠᠮᠵᠢᠭᠤᠯᠤᠨ | ᠂ ᠨᠠᠮ ᠵᠠᠰᠠᠭ ᠤᠨ ᠠᠵᠢᠯ᠂ ᠠᠵᠤ ᠠᠬᠤᠶᠢᠯᠠᠯ ᠤᠨ ᠡᠵᠡᠩᠨᠡᠯᠳᠡ ᠬᠠᠮᠢᠶᠠᠷᠤᠯᠳᠠ ᠶᠢᠨ ᠠᠵᠢᠯ᠂ ᠲᠤᠰᠬᠠᠢ ᠮᠡᠷᠭᠡᠵᠢᠯ | ᠤᠨ ᠠᠵᠢᠯ ᠲᠥᠷᠥᠯ᠂ ᠤᠨᠴᠠ ᠲᠥᠷᠥᠯ ᠤᠨ ᠴᠢᠳᠠᠪᠤᠷᠢᠳᠠᠨ ᠤ ᠠᠵᠢᠯ᠂ ᠮᠠᠯᠵᠢᠬᠤ ᠲᠠᠷᠢᠶᠠᠯᠠᠬᠤ ᠤᠷᠤᠨ ᠳᠤ ᠬᠢ | ᠴᠢᠭᠯᠡᠯᠳᠡ ᠴᠢᠨᠠᠷ ᠲᠠᠢ ᠠᠵᠢᠯ ᠪᠤᠯᠤᠨ ᠨᠡᠶᠢᠭᠡᠮ ᠤᠨ ᠠᠵᠢᠯ ᠵᠡᠷᠭᠡ ᠲᠠᠯ᠎ᠠ ᠪᠠᠷ ᠴᠢᠳᠠᠪᠤᠷᠢᠳᠠᠳ ᠢ ᠬᠤᠷᠠᠭᠤᠯᠬᠤ | ᠬᠥᠮᠥᠵᠢᠭᠦᠯᠭᠦ ᠠᠵᠢᠯ᠃ | 14. ᠭᠥᠳᠡᠭᠡ ᠨᠤᠳᠤᠭ ᠢ ᠭᠥᠴᠥᠷᠭᠡᠭᠵᠢᠭᠦᠯᠥᠨ ᠭᠥᠭᠵᠢᠭᠦᠯᠭᠦ ᠪᠤᠳᠤᠯᠭ᠎ᠠ᠄ ᠲᠤᠮᠳᠠᠳᠤ ᠤᠯᠤᠰ ᠤᠨ ᠡᠪ ᠬᠠᠮᠳᠤ | ᠨᠠᠮ ᠤᠨ ᠠᠷᠪᠠ ᠶᠢᠰᠥᠳᠥᠭᠡᠷ ᠤᠳᠠᠭᠠᠨ ᠤ ᠪᠥᠭᠦ ᠤᠯᠤᠰ ᠤᠨ ᠲᠥᠯᠥᠭᠡᠯᠡᠭᠴᠢᠳ ᠤᠨ ᠶᠡᠭᠡ ᠲᠡᠭᠡᠷ᠎ᠡ ᠠᠩᠬ᠎ᠠ | ᠲᠤᠷᠠᠳᠤᠨ ᠭᠠᠷᠭᠠᠪᠠ᠃ ᠲᠠᠷᠤᠢ᠂ ᠮᠠᠯ ᠲᠠᠷᠢᠶᠠᠯᠠᠩ ᠤᠨ ᠥᠢᠯᠡᠰ ᠪᠤᠯᠤᠨ ᠮᠠᠯᠵᠢᠬᠤ ᠲᠠᠷᠢᠶᠠᠯᠠᠬᠤ ᠤᠷᠤᠨ ᠢ | ᠲᠡᠷᠢᠭᠦᠨ ᠳᠤ ᠨᠢ ᠭᠥᠭᠵᠢᠭᠦᠯᠵᠥ᠂ ᠮᠠᠯ ᠲᠠᠷᠢᠶᠠᠯᠠᠩ ᠤᠨ ᠥᠢᠯᠡᠰ ᠪᠤᠯᠤᠨ ᠮᠠᠯᠵᠢᠬᠤ ᠲᠠᠷᠢᠶᠠᠯᠠᠬᠤ ᠤᠷᠤᠨ ᠤ | ᠤᠳᠤᠬᠢᠴᠢᠯᠠᠯᠳᠠ ᠶᠢ ᠲᠥᠷᠭᠡᠳᠭᠡᠨ᠂ ᠭᠥᠳᠡᠭᠡ ᠨᠤᠳᠤᠭ ᠤᠨ ᠨᠡᠶᠢᠳᠡ ᠶᠢᠨ ᠥᠢᠯᠡᠴᠢᠯᠡᠭᠡᠨ ᠤ ᠬᠢᠷᠢ ᠲᠥᠪᠰᠢᠨ ᠢ | ᠰᠠᠶᠢᠵᠢᠷᠠᠭᠤᠯᠵᠤ᠂ ᠭᠥᠳᠡᠭᠡ ᠨᠤᠳᠤᠭ ᠤᠨ ᠥᠨᠳᠥᠰᠥᠨ ᠱᠠᠳᠤᠨ ᠳᠤ ᠬᠢ ᠰᠠᠭᠤᠷᠢ ᠠᠵᠢᠯ ᠢ ᠴᠢᠩᠭᠠᠳᠬᠠᠨ᠂ | ᠬᠤᠳᠠ ᠭᠥᠳᠡᠭᠡ ᠶᠢᠨ ᠵᠤᠬᠢᠴᠠᠯᠳᠤ ᠭᠥᠭᠵᠢᠯᠳᠡ ᠶᠢ ᠠᠬᠢᠭᠤᠯᠵᠤ᠂ ᠠᠵᠤ ᠥᠢᠯᠡᠰ ᠥᠷᠨᠢᠩᠭᠦᠢ᠂ ᠠᠮᠢ ᠠᠬᠤᠢ | ᠵᠤᠬᠢᠴᠠᠩᠭᠤᠢ᠂ ᠨᠤᠳᠤᠭ ᠤᠨ ᠰᠤᠷᠳᠠᠯ ᠪᠤᠯᠪᠠᠰᠤᠨ᠂ ᠵᠠᠰᠠᠯᠳᠠ ᠬᠠᠮᠢᠶᠠᠷᠤᠯᠳᠠ ᠪᠥᠳᠥᠮᠵᠢᠳᠡᠢ᠂ ᠠᠵᠤ ᠠᠮᠢᠳᠤᠷᠠᠯ | ᠴᠢᠨᠡᠭᠡᠯᠢᠭ ᠪᠤᠯᠭᠠᠬᠤ ᠪᠤᠳᠤᠯᠭ᠎ᠠ ᠃ | 15. ᠬᠠᠩᠭᠠᠯᠠᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ᠄ ᠶᠡᠷᠥᠩᠭᠡᠢ ᠱᠥᠵᠢ ᠰᠢ ᠶᠢᠨ | ᠫᠢᠩ ᠤᠨ 2015 ᠤᠨ ᠤ 11 ᠰᠠᠷ᠎ᠠ ᠶᠢᠨ 10 ᠤ ᠡᠳᠥᠷ ᠬᠤᠷᠠᠯᠳᠤᠭᠤᠯᠤᠭᠰᠠᠨ ᠲᠥᠪ ᠤᠨ ᠡᠳ᠋ ᠤᠨ ᠵᠠᠰᠠᠭ | ᠠᠵᠤ ᠠᠬᠤᠢ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯᠳᠤᠭᠠᠨ ᠢᠶᠠᠷ ᠲᠤᠷᠠᠳᠤᠨ ᠭᠠᠷᠠᠭᠠᠭᠰᠠᠨ᠂ | ᠬᠠᠩᠭᠠᠯᠠᠭ᠎ᠠ ᠬᠢᠬᠡᠳ ᠣᠶᠢᠯᠠᠳᠪᠦᠷᠢᠯᠠᠯ ᠤᠨ ᠭᠤᠭᠴᠤᠭ᠎ᠠ ᠠᠴᠠ ᠭᠠᠷᠳᠠᠵᠣ᠂ ᠬᠤᠴᠣᠷᠣᠩᠭᠤᠢ ᠣᠶᠢᠯᠠᠳᠪᠦᠷᠯᠠᠯ ᠤᠨ | ᠴᠢᠳᠠᠮᠵᠢ ᠶᠢ ᠲᠠᠶᠠᠭᠳᠠᠨ᠂ ᠬᠦᠭᠵᠢᠯᠳᠠ ᠶᠢᠨ ᠴᠢᠭᠯᠡᠯ ᠢᠶᠠᠨ ᠰᠢᠨ᠎ᠠ ᠮᠠᠨᠳᠣᠭᠰᠠᠨ ᠬᠦᠷᠢᠶ᠎ᠠ ᠴᠠᠷᠠᠭ᠎ᠠ ᠣᠷᠣᠭᠤ | ᠬᠠᠨᠳᠦᠭᠤᠯᠵᠣ᠂ ᠠᠵᠣ ᠠᠬᠤᠢ ᠶᠢᠨ ᠰᠢᠨ᠎ᠡ ᠨᠡᠮᠡᠭᠳᠡᠯ ᠢ ᠪᠣᠢ ᠪᠣᠯᠭᠠᠨ᠂ ᠨᠡᠶᠢᠭᠡᠮ ᠤᠨ ᠬᠠᠩᠭᠠᠯᠠᠭ᠎ᠠ ᠶᠢ | ᠲᠡᠭᠡᠭᠰᠢᠯᠡᠬᠦᠯᠬᠦ ᠪᠠᠷ ᠲᠠᠮᠵᠢᠭᠤᠯᠣᠨ ᠠᠵᠣ ᠠᠬᠤᠢ ᠪᠠᠨ ᠦᠭᠡᠳᠡᠯᠡᠬᠦᠯᠬᠦ ᠦᠭᠡᠷᠡᠴᠢᠯᠠᠯᠳᠠ ᠶᠢ ᠵᠢᠭᠠᠵᠣ ᠪᠣᠢ᠃ | 16. ᠴᠠᠬᠢᠯᠭᠠᠨ ᠭᠠᠳᠠᠭᠰᠢ ᠲᠠᠮᠵᠢᠭᠤᠯᠬᠤ ᠱᠤᠭᠤᠮ᠄ ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ ᠬᠡᠷᠡᠭᠯᠡᠭᠴᠢ | ᠪᠤᠶᠤ ᠴᠠᠬᠢᠯᠭᠠᠨ ᠭᠡᠷᠡᠭᠰᠡᠭᠦ ᠭᠠᠵᠠᠷ ᠤᠷᠤᠭᠤ ᠴᠠᠬᠢᠯᠭᠠᠨ ᠭᠥᠷᠭᠡᠭᠦ ᠪᠠᠷ ᠵᠤᠷᠢᠭᠤᠯᠵᠤ ᠪᠤᠰᠬᠠᠭᠰᠠᠨ ᠴᠠᠬᠢᠯᠭᠠᠨ ᠲᠤᠤᠷ | ᠤᠨ ᠱᠤᠭᠤᠮ ᠢ ᠵᠢᠭᠠᠵᠤ ᠪᠤᠢ᠃ ᠠᠳᠡ ᠤᠨᠴᠠᠭᠠᠶᠢᠯᠠᠨ ᠤᠯᠤᠰ ᠪᠠ ᠥᠪᠡᠷᠳᠡᠭᠡᠨ ᠵᠠᠰᠠᠬᠤ ᠤᠷᠤᠨ ᠠᠴᠠ | ᠴᠢᠬᠤᠯᠠᠴᠢᠯᠠᠨ ᠭᠤᠤᠯᠳᠠᠯᠭᠠᠳᠠᠢ ᠪᠠᠶᠢᠭᠤᠯᠤᠭᠰᠠᠨ ︽ᠥᠪᠥᠷ ᠮᠤᠩᠭᠤᠯ ᠤᠨ ᠴᠠᠬᠢᠯᠭᠠᠨ ᠢ ᠭᠠᠳᠠᠭᠰᠢ ᠬᠥᠷᠭᠡᠭᠦ︾ | ᠱᠤᠭᠤᠮ ᠤᠨ ᠨᠢᠭᠡ ᠪᠤᠯᠬᠤ ᠱᠠᠩᠬᠠᠢ ᠶᠢᠨ ᠰᠥᠮ᠎ᠡ ᠠᠴᠠ ᠱᠠᠨᠳᠥ᠋ᠩ ᠭᠥᠷᠭᠦ ±800 ᠺᠢᠯᠤᠸᠥᠯᠲ ᠤᠨ ᠤᠨᠴᠠ | ᠥᠨᠳᠥᠷ ᠭᠥᠴᠥᠳᠠᠯᠳᠦ ᠴᠠᠬᠢᠯᠭᠠᠨ ᠭᠥᠷᠭᠡᠯᠳᠡ ᠶᠢᠨ ᠵᠠᠮ ᠱᠤᠭᠤᠮ ᠢ ᠭᠡᠯᠡᠵᠥ ᠪᠠᠶᠢᠨ᠎ᠠ᠃ | 17. ︽ᠬᠤᠳᠳᠤᠭ ᠢ ᠪᠢᠳᠠᠭᠦᠮᠵᠢᠯᠠᠨ ᠲᠠᠷᠢᠶᠠᠨ ᠭᠠᠵᠠᠷ ᠢ ᠪᠠᠭᠠᠰᠬᠠᠬᠤ︾᠄ ᠮᠠᠨ ᠤ ᠬᠤᠰᠢᠭᠤᠨ ᠤ ᠤᠰᠤᠨ ᠡᠬᠢ | ᠰᠤᠷᠪᠤᠯᠵᠢ ᠶᠢᠨ ᠴᠢᠩᠭ᠎ᠠ ᠬᠠᠮᠢᠶᠠᠷᠤᠯᠳᠠ ᠶᠢᠨ ᠲᠥᠷᠢᠮ ᠤᠨ ᠲᠤᠭᠤᠷᠢᠨ ᠳᠤ᠂ ᠬᠡᠳᠥᠷᠡᠳᠡᠯᠡ ᠤᠰᠤ ᠬᠡᠷᠡᠭᠯᠡᠵᠥ | ᠪᠠᠶᠢᠬᠤ ᠭᠠᠵᠠᠷ ᠤᠷᠤᠨ ᠳᠤ ᠭᠡᠷᠡᠭᠵᠢᠭᠦᠯᠭᠦ ᠤᠰᠤᠨ ᠤ ᠬᠠᠮᠢᠶᠠᠷᠤᠯᠳᠠ ᠶᠢᠨ ᠠᠵᠢᠯ ᠤᠨ ᠠᠷᠭ᠎ᠠ ᠠᠪᠴᠠᠯ᠃ | ᠲᠥᠷᠢᠮ ᠵᠥᠷᠢᠴᠡᠨ ᠥᠷᠥᠮᠳᠡᠭᠰᠡᠨ ᠮᠠᠰᠢᠨ ᠬᠤᠳᠳᠤᠭ ᠢ ᠪᠢᠳᠡᠭᠦᠮᠵᠢᠯᠡᠭᠦᠣ᠋ ᠪᠠ ᠤᠰᠤᠯᠠᠯᠳᠠ ᠶᠢᠨ ᠲᠠᠷᠢᠶᠠᠨ ᠭᠠᠵᠠᠷ | ᠢ ᠪᠠᠭᠠᠰᠬᠠᠬᠤ ᠪᠠᠷ ᠲᠠᠮᠵᠢᠭᠤᠯᠤᠨ᠂ ᠤᠰᠤᠨ ᠡᠬᠢ ᠰᠤᠷᠪᠤᠯᠵᠢ ᠶᠢ ᠲᠤᠬᠢᠳᠠᠢ ᠨᠡᠭᠡᠭᠡᠨ ᠠᠰᠢᠭᠯᠠᠵᠤ᠂ ᠠᠳᠠᠷ | ᠬᠠᠭᠠᠯᠪᠤᠷᠢᠯᠠᠵᠤ ᠲᠠᠷᠢᠶ᠎ᠠ ᠤᠰᠤᠯᠠᠬᠤ ᠶᠢ ᠲᠠᠰᠤ ᠬᠤᠷᠢᠭᠯᠠᠨ᠂ ᠤᠰᠤᠨ ᠬᠡᠷᠡᠭᠯᠡᠯᠳᠡ ᠶᠢ ᠨᠠᠮᠳᠠᠭᠤᠯᠵᠤ᠂ ᠪᠠᠶᠢᠭᠠᠯᠢ | ᠠᠬᠤᠢ ᠶᠢ ᠬᠠᠮᠠᠭᠠᠯᠠᠨ᠂ ᠮᠠᠯᠵᠢᠬᠤ ᠲᠠᠷᠢᠶᠠᠯᠠᠬᠤ ᠤᠷᠤᠨ ᠤ ᠤᠰᠤᠨ ᠡᠬᠢ ᠰᠤᠷᠪᠤᠯᠵᠢ ᠶᠢᠨ ᠥᠷᠭᠦᠯᠵᠢᠭᠦᠶᠢᠴᠡ | ᠠᠰᠢᠭᠯᠠᠯᠳᠠ ᠶᠢ ᠪᠠᠳᠤᠯᠠᠬᠤ ᠪᠤᠳᠤᠯᠭ᠎ᠠ᠃ | 18. ᠨᠢᠭᠡ ᠪᠥᠰᠡ ᠨᠢᠭᠡ ᠵᠠᠮ᠄ ︽ᠲᠤᠷᠭᠠᠨ ᠵᠠᠮ ᠤᠨ ᠠᠵᠤ ᠠᠬᠤᠢ ᠶᠢᠨ ᠪᠥᠰᠡ︾ ᠪᠤᠯᠤᠨ ︽21 ᠳ᠋ᠤᠭᠡᠷ | ᠵᠠᠭᠤᠨ ᠤ ᠲᠠᠯᠠᠢ ᠲᠡᠭᠡᠷᠡᠭᠢ ᠲᠤᠷᠭᠠᠨ ᠵᠠᠮ︾ ᠤᠨ ᠲᠤᠪᠴᠢ ᠨᠡᠷᠡᠶᠢᠳᠥᠯ᠃ ᠡᠷᠳᠡᠨ ᠤ ᠲᠤᠷᠭᠠᠨ ᠵᠠᠮ ᠤᠨ ᠲᠡᠥᠭᠡᠳᠤ | ᠰᠤᠶᠤᠯ ᠢ ᠠᠰᠢᠭᠯᠠᠨ ᠨᠠᠶᠢᠷᠠᠮᠳᠠᠯ ᠢᠶᠠᠷ ᠭᠥᠭᠵᠢᠭᠦᠯᠭᠦ ᠤᠷᠢᠶ᠎ᠠ ᠲᠤᠷᠠᠳᠴᠤ᠂ ᠲᠤᠷᠭᠠᠨ ᠵᠠᠮ ᠤᠨ ᠲᠠᠭᠠᠤ ᠤᠯᠤᠰ | ᠤᠷᠤᠨ ᠯᠤᠭ᠎ᠠ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠬᠠᠷᠢᠴᠠᠭ᠎ᠠ ᠶᠢ ᠢᠳᠡᠪᠬᠢᠳᠡᠢ ᠭᠥᠭᠵᠢᠭᠦᠯᠥᠨ᠂ ᠤᠯᠤᠰ | ᠲᠥᠷᠥ ᠶᠢᠨ ᠲᠠᠯ᠎ᠠ ᠪᠠᠷ ᠬᠠᠷᠢᠯᠴᠠᠨ ᠢᠳᠡᠭᠡᠯᠴᠡᠭᠰᠡᠨ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ | ᠠᠭᠤᠰᠤᠯᠴᠠᠭᠰᠠᠨ᠂ ᠰᠤᠶᠤᠯ ᠤᠨ ᠲᠠᠯ᠎ᠠ ᠪᠠᠷ ᠬᠠᠷᠢᠯᠴᠠᠨ ᠪᠠᠭᠳᠠᠭᠠᠭᠰᠠᠨ ᠬᠠᠮᠳᠤ ᠶᠢᠨ ᠠᠰᠢᠭ ᠲᠤᠰᠠ᠂ ᠬᠤᠪᠢ | ᠲᠤᠬᠢᠶᠠᠯ ᠪᠤᠯᠤᠨ ᠡᠭᠦᠷᠭᠡ ᠬᠠᠷᠢᠭᠤᠴᠠᠯᠭ᠎ᠠ ᠤᠨ ᠨᠢᠭᠡᠳᠥᠮᠡᠯ ᠴᠤᠭᠴᠠ ᠪᠥᠷᠢᠯᠳᠥᠭᠦᠯᠭᠦ ᠶᠢ ᠵᠢᠭᠠᠵᠤ ᠪᠤᠢ᠃ | 19. ᠬᠥᠬᠡᠬᠤᠳᠠ ᠪᠤᠭᠤᠳᠤ ᠤᠷᠳᠤᠰ ᠤᠷᠤᠨ ᠤ ᠬᠠᠮᠳᠤᠷᠠᠨ ᠭᠥᠭᠵᠢᠭᠦ ᠪᠠᠶᠢᠯᠳᠤᠬᠤ ᠪᠤᠳᠤᠯᠭ᠎ᠠ᠄ ᠬᠥᠬᠡᠬᠤᠳᠠ᠂ | ᠪᠤᠭᠤᠳᠤ᠂ ᠤᠷᠳᠤᠰ ᠭᠤᠷᠪᠠᠨ ᠬᠤᠳᠠ ᠬᠤᠪᠢ ᠬᠤᠪᠢᠨ ᠤ ᠲᠠᠪᠠᠭᠤᠯᠢᠭ ᠲᠤ ᠪᠠᠨ ᠰᠠᠭᠤᠷᠢᠯᠠᠵᠤ᠂ ᠤᠳᠤ ᠥᠶ᠎ᠡ | ᠶᠢᠨ ᠠᠵᠤ ᠥᠢᠯᠡᠰ ᠤᠨ ᠠᠵᠢᠯ ᠤᠨ ᠬᠤᠪᠢᠶᠠᠷᠢᠯᠠᠯ ᠪᠠ ᠤᠷᠤᠨ ᠬᠡᠪᠴᠢᠶᠡᠨ ᠤ ᠬᠠᠷᠢᠯᠴᠠᠨ ᠨᠥᠭᠦᠪᠥᠷᠢᠯᠡᠭᠦ ᠵᠠᠷᠴᠢᠮ | ᠢ ᠪᠠᠷᠢᠮᠳᠠᠯᠠᠨ᠂ ᠬᠠᠮᠳᠤᠷᠠᠨ ᠭᠥᠭᠵᠢᠭᠦ ᠰᠢᠨ᠎ᠡ ᠵᠠᠮ ᠢ ᠢᠳᠡᠪᠬᠢᠳᠡᠢ ᠰᠥᠪᠡᠭᠴᠢᠯᠡᠵᠥ᠂ ᠭᠤᠷᠪᠠᠨ ᠬᠤᠳᠠ ᠪᠠᠨ ᠠᠮᠢ | ᠠᠬᠤᠢ ᠵᠤᠬᠢᠴᠠᠯᠳᠠᠢ᠂ ᠵᠠᠮ ᠨᠡᠪᠳᠡᠷᠡᠯᠭᠡ ᠴᠢᠯᠥᠭᠡᠳᠡᠢ᠂ ᠠᠵᠤ ᠠᠬᠤᠢ ᠭᠥᠭᠵᠢᠯᠳᠡᠢ᠂ ᠵᠠᠬ᠎ᠠ ᠲᠡᠯᠭᠡᠭᠦᠷ ᠨᠢᠭᠡᠳᠥᠯᠳᠡᠢ᠂ | ᠲᠤᠭᠳᠠᠴᠠ ᠪᠤᠳᠤᠯᠭ᠎ᠠ ᠲᠤᠬᠢᠳᠠᠢ ᠠᠵᠤ ᠠᠬᠤᠢ ᠶᠢᠨ ᠭᠥᠭᠵᠢᠯᠳᠥ ᠪᠥᠰᠡ ᠪᠤᠯᠭᠠᠨ ᠪᠠᠶᠢᠭᠤᠯᠬᠤ ᠶᠢ ᠵᠢᠭᠠᠵᠤ ᠪᠤᠢ ᠃ | | 20. ︽ᠵᠠᠰᠠᠭ ᠢ ᠴᠤᠮᠬᠠᠳᠬᠠᠨ ᠡᠷᠭᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ | ᠥᠢᠯᠡᠴᠢᠯᠡᠭᠡ ᠶᠢ ᠰᠢᠯᠢᠳᠡᠭᠵᠢᠭᠦᠯᠭᠦ︾ ᠥᠭᠡᠷᠡᠴᠢᠯᠡᠯᠳᠡ᠄ ︽ᠪᠠᠭᠤᠯᠭᠠᠬᠤ︾ ᠭᠡᠳᠡᠭ ᠪᠤᠯ ᠵᠠᠰᠠᠭ ᠤᠨ ᠡᠷᠭᠡ ᠶᠢ | ᠴᠤᠮᠬᠠᠳᠬᠠᠵᠤ᠂ ᠨᠥᠭᠦᠴᠡᠯ ᠱᠠᠭᠠᠷᠳᠠᠯᠭ᠎ᠠ ᠶᠢ ᠪᠠᠭᠤᠯᠭᠠᠨ ᠰᠤᠯᠠᠳᠬᠠᠬᠤ︔ ︽ᠬᠠᠮᠢᠶᠠᠷᠬᠤ︾ ᠭᠡᠳᠡᠭ ᠪᠤᠯ ᠲᠥᠪ | ᠭᠤᠤᠯᠴᠢ ᠪᠠᠷ ᠬᠢᠨᠠᠨ ᠬᠠᠮᠢᠶᠠᠷᠴᠤ᠂ ᠡᠷᠭᠡ ᠲᠡᠭᠰᠢ ᠥᠷᠢᠰᠥᠯᠳᠥᠭᠡᠨ ᠢ ᠠᠬᠢᠭᠤᠯᠬᠤ︔ ︽ᠥᠢᠯᠡᠴᠢᠯᠡᠭᠦ︾ ᠬᠡᠳᠡᠭ | ᠪᠤᠯ ᠥᠨᠳᠥᠷ ᠪᠥᠳᠥᠮᠵᠢᠳᠠᠢ ᠥᠢᠯᠡᠴᠢᠯᠡᠵᠥ᠂ ᠲᠥᠭᠦᠮ ᠲᠥᠳᠡ ᠨᠥᠭᠦᠴᠡᠯ ᠪᠥᠷᠢᠯᠳᠥᠭᠦᠯᠭᠦ᠃ | 21. ᠭᠤᠷᠪᠠᠨ ᠠᠯᠪᠠᠨ ᠤ ᠵᠠᠷᠣᠳᠠᠯ᠄ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠠᠵᠢᠯᠳᠠᠳ ᠤᠨ ᠠᠯᠪᠠᠨ | ᠵᠠᠷᠣᠳᠠᠯ ᠢᠶᠠᠷ ᠭᠠᠳᠠᠭᠠᠳᠦ ᠳᠤ ᠭᠠᠷᠬᠤ᠂ ᠠᠯᠪᠠᠨ ᠲᠡᠷᠭᠡ ᠬᠤᠳᠠᠯᠳᠣᠨ ᠠᠪᠬᠤ ᠵᠢᠴᠢ ᠬᠡᠷᠡᠭᠯᠡᠭᠦ᠂ ᠠᠯᠪᠠᠨ ᠤ | ᠬᠦᠯᠢᠶᠠᠨ ᠵᠣᠴᠢᠯᠠᠭ᠎ᠠ ᠳᠤ ᠭᠡᠷᠡᠭᠯᠡᠭᠦ ᠭᠤᠷᠪᠠᠨ ᠲᠥᠷᠥᠯ ᠤᠨ ᠵᠠᠷᠣᠳᠠᠯ ᠢ ᠵᠢᠭᠠᠵᠤ ᠪᠤᠢ᠃ | | | ᠲᠤᠳᠤᠷᠬᠠᠶᠢᠯᠠᠯ᠄ ᠨᠡᠷᠡᠰ ᠤᠨ ᠲᠠᠶᠢᠯᠪᠣᠷᠢᠯᠠᠯ ᠢ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ | ᠢᠯᠡᠷᠡᠭᠰᠡᠨ ᠲᠠᠷᠠᠭᠠᠯᠠᠯ ᠢᠶᠠᠷ ᠨᠢ ᠵᠢᠭᠰᠠᠭᠠᠪᠠ᠃ | | |