ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠬᠤᠰᠢᠭᠤ ᠳᠠᠷᠤᠭ᠎ᠠ | | ᠪᠦᠷᠢᠨᠴᠢᠮᠡᠭ | ᠲᠦᠯᠦᠬᠡᠯᠡᠭᠴᠢᠤᠨ ᠡ᠄ | ᠡᠳᠤᠬᠡ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ ᠲᠥᠯᠥᠭᠡᠯᠡᠭᠴᠢᠳ ᠬᠢᠨᠠᠨ ᠵᠦᠪᠯᠡᠵᠤ᠂ ᠤᠯᠤᠰ | ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ 2017 ᠣᠨ ᠤ ᠠᠵᠢᠯ ᠤᠨ ᠡᠷᠬᠢᠴᠡᠬᠦᠯᠤᠯ | 2017 ᠣᠨ ᠪᠣᠯ ᠮᠠᠨ ᠤ ᠬᠤᠰᠢᠭᠤ ᠵᠠᠮ ᠨᠡᠭᠡᠭᠡᠨ ᠭᠠᠪᠰᠢᠭᠠᠶᠢᠯᠠᠨ ᠤᠷᠤᠭᠰᠢᠯᠠᠵᠤ᠂ ᠰᠢᠨ᠎ᠡ ᠠᠮᠵᠢᠯᠲᠠ ᠣᠯᠣᠭᠰᠠᠨ ᠨᠢᠭᠡ ᠵᠢᠯ ᠪᠣᠯᠣᠨ᠎ᠠ᠃ ᠨᠢᠬᠡ ᠵᠢᠯ | ᠤᠨ ᠲᠣᠷᠰᠢ᠂ ᠬᠤᠰᠢᠭᠤ ᠠᠷᠠᠳ ᠤᠨ ᠵᠠᠰᠠᠭ ᠤᠨ ᠣᠷᠳᠣᠨ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ | ᠲᠣᠣᠱᠯᠠᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠤᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠨ᠂ ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠤᠨᠪᠤᠷᠢ ᠳᠤᠬᠢᠷᠠᠭᠤᠯᠭ᠎ᠠ ᠶᠢ | ᠡᠷᠡᠰ ᠨᠠᠶᠢᠲᠠᠪᠣᠷᠢᠵᠢᠭᠤᠯᠵᠤ᠂ ᠬᠦᠭᠵᠢᠯᠲᠡ ᠶᠢᠨ ᠢᠲᠡᠬᠡᠯ ᠵᠣᠷᠢᠭ ᠢᠶᠠᠨ ᠬᠦᠪᠴᠢᠯᠡᠨ᠂ ᠨᠠᠶᠢᠲᠠᠪᠣᠷᠢᠵᠢᠭᠤᠯᠣᠯᠲᠠ ᠶᠢ ᠡᠷᠴᠢᠮᠲᠠᠢ ᠠᠳᠬᠤᠵᠣ᠂ ᠰᠢᠪᠳᠣᠯᠣᠯᠲᠠ ᠶᠢᠨ | ᠠᠵᠢᠯ ᠢ ᠠᠬᠢᠭᠤᠯᠣᠨ᠂ ᠪᠣᠳᠣᠯᠢᠶᠠᠨᠲᠤ ᠰᠢᠯᠲᠠᠭᠠᠨ ᠢᠶᠠᠷ ᠣᠯᠠᠨᠨ ᠵᠢᠯ ᠬᠤᠷᠠᠮᠳᠣᠭᠰᠠᠨ ᠲᠤᠭ᠎ᠠ ᠮᠠᠭᠠᠳ ᠤᠨ ︽ᠬᠡᠶᠢᠰᠪᠣᠷᠢ ᠪᠦᠷᠢᠯᠳᠣᠴᠡ︾ ᠶᠢ ᠰᠢᠢᠳᠮᠡᠭ | ᠲᠠᠶᠠᠭᠳᠠᠵᠤ᠂ ᠠᠵᠤ ᠠᠬᠤᠢ ᠶᠢᠨ ᠰᠠᠭᠤᠷᠢ ᠲᠤᠭ᠎ᠠ ᠮᠠᠭᠠᠳ ᠢ ᠪᠣᠳᠠᠲᠠᠶᠢᠵᠢᠭᠤᠯᠵᠣ᠂ ᠬᠦᠭᠵᠢᠯᠲᠡ ᠶᠢᠨ ᠳᠠᠷᠣᠭᠠᠰᠤ ᠪᠠᠨ ᠰᠣᠯᠠᠯᠠᠭᠠᠳ᠂ ᠭᠠᠵᠠᠷ ᠤᠷᠤᠨ ᠤ | ᠥᠢᠯᠡᠳᠪᠥᠷᠢᠯᠡᠯ ᠤᠨ ᠶᠡᠷᠥᠩᠭᠡᠢ ᠥᠷᠳᠡᠭᠠᠳᠠᠯᠢ ᠬᠤᠭᠤᠴᠠᠭᠠᠨ ᠤ ᠬᠢ ᠠᠴᠠ 5.8% ᠨᠡᠮᠡᠭᠳᠡᠵᠣ᠂ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 8.9% | ᠨᠡᠮᠡᠭᠳᠡᠨ᠂ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ 7% ᠨᠡᠮᠡᠭᠳᠡᠪᠡ︔ ᠬᠤᠳᠠ ᠬᠦᠳᠡᠭᠡ ᠶᠢᠨ ᠪᠠᠶᠢᠩᠭᠤ ᠶᠢᠨ | ᠰᠠᠭᠤᠭᠠᠯᠢ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠲᠣᠰ ᠪᠦᠷᠢ 41537 ᠲᠦᠬᠦᠷᠢᠭ ᠪᠠ 16929 ᠲᠦᠬᠦᠷᠢᠭ ᠲᠤ ᠬᠦᠷᠴᠤ᠂ 8. | 4%ᠪᠠ 8.5% ᠨᠡᠮᠡᠭᠳᠡᠪᠡ︔ ᠨᠡᠶᠢᠲᠡ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 8.01 ᠳ᠋ᠥᠩᠰᠢᠭᠤᠷ ᠲᠥᠭᠦᠷᠢᠭ ᠪᠡᠶᠡᠯᠡᠬᠦᠯᠣᠨ᠂ ᠪᠦᠬᠦ | ᠬᠤᠲᠠ ᠶᠢᠨ ᠨᠢᠬᠡᠳᠣᠯᠲᠡᠢ ᠪᠠᠷᠢᠮᠵᠢᠶ᠎ᠠ ᠪᠠᠷ ᠠᠳᠠᠯᠢ ᠬᠤᠭᠤᠴᠠᠭᠠᠨ ᠤ ᠬᠢ ᠠᠴᠠ 4.71% ᠨᠡᠮᠡᠭᠳᠡᠪᠡ︔ ᠣᠯᠠᠨ ᠠᠷᠭ᠎ᠠ ᠠᠪᠴᠠᠯ ᠢᠶᠠᠷ 9.53 ᠳ᠋ᠥᠩᠰᠢᠭᠤᠷ | ᠲᠥᠭᠦᠷᠢᠭ ᠵᠠᠰᠠᠭ ᠤᠨ ᠣᠷᠳᠣᠨ ᠤ ᠦᠷᠢ ᠦᠭᠴᠡᠭᠡ ᠶᠢ ᠰᠢᠢᠳᠪᠣᠷᠢᠯᠡᠵᠣ᠂ ᠶᠢᠰᠣᠳᠣᠭᠡᠷ ᠬᠤᠭᠤᠴᠠᠭᠠᠨ ᠤ ᠠᠷᠠᠤᠨ ᠤᠨ ᠵᠠᠰᠠᠭ ᠤᠨ ᠣᠷᠳᠣᠨ ᠤ ᠲᠣᠰᠢᠶᠠᠯ | ᠲᠠᠭᠤᠰᠬᠤ ᠵᠢᠯ ᠤᠨ ᠡᠯ᠎ᠡ ᠲᠦᠷᠦᠯ ᠤᠨ ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠵᠣ᠂ ᠠᠵᠣ ᠠᠬᠤᠢ ᠶᠢᠨ ᠬᠦᠭᠵᠢᠯᠳᠡ᠂ ᠨᠡᠶᠢᠭᠡᠮ ᠤᠨ ᠠᠮᠣᠷ ᠲᠣᠭᠳᠠᠭᠤᠨ᠂ | ᠦᠨᠳᠦᠰᠦᠳᠡᠨ ᠤ ᠪᠦᠯᠬᠦᠮᠳᠡᠯ ᠢ ᠪᠠᠳᠣᠯᠠᠵᠣ᠂ ᠣᠯᠠᠨ ᠲᠦᠮᠡᠨ ᠠᠮᠣᠷ ᠲᠠᠶᠢᠪᠦᠩ ᠠᠵᠤ ᠠᠮᠢᠳᠣᠷᠠᠭᠰᠠᠨ ᠣᠬᠢ ᠪᠠᠶᠢᠳᠠᠯ ᠢ ᠪᠣᠢ ᠪᠣᠯᠭᠠᠪᠠ᠃ | ᠨᠢᠭᠡ ᠵᠢᠯ ᠤᠨ ᠲᠣᠷᠰᠢ᠂ ᠪᠢᠳᠠ ᠣᠨᠣᠪᠴᠢᠳᠠᠢ ᠪᠣᠳᠣᠯᠭ᠎ᠠ ᠪᠠᠷ ᠪᠦᠳᠦᠴᠡ ᠶᠢ ᠲᠣᠬᠢᠷᠠᠭᠤᠯᠵᠣ᠂ ᠠᠵᠣ ᠠᠬᠤᠢ ᠶᠢᠨ ᠬᠦᠭᠵᠢᠯᠳᠡ ᠶᠢᠨ ᠶᠠᠰᠦ ᠴᠢᠨᠠᠷ ᠢ | ᠣᠯᠠᠮ ᠲᠡᠭᠡᠭᠰᠢᠯᠡᠭᠦᠯᠪᠡ᠃ ᠠᠵᠣ ᠣᠶᠢᠯᠠᠳᠪᠦᠷᠢ ᠶᠢᠨ ᠲᠣᠮᠣ ᠲᠦᠷᠦᠯ ᠵᠣᠶᠢᠯ ᠤᠨ ᠠᠬᠢᠯᠳᠠ ᠶᠢ ᠲᠦᠷᠭᠡᠳᠬᠡᠵᠣ᠂ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ | ᠴᠠᠬᠢᠯᠭᠠᠨ ᠬᠦᠷᠬᠡᠬᠦ ᠱᠤᠭᠤᠮ ᠪᠦᠬᠦᠨ ᠢᠶᠠᠷ ᠨᠡᠪᠳᠡᠷᠡᠵᠣ᠂ ᠲᠥᠭᠦᠷᠴᠢᠯᠡᠭᠰᠡᠨ 4 ᠴᠠᠬᠢᠯᠭᠠᠨ ᠣᠶᠢᠯᠠᠳᠪᠦᠷᠢ ᠶᠢᠨ 3 ᠨᠢ ᠵᠦᠪᠰᠢᠶᠡᠷᠡᠭᠳᠡᠵᠣ᠂ ᠱᠧᠩ ᠯᠦ ᠴᠠᠬᠢᠯᠭᠠᠨ | ᠣᠶᠢᠯᠠᠳᠪᠦᠷᠢ ᠪᠦᠬᠦ ᠲᠠᠯ᠎ᠠ ᠪᠠᠷ ᠪᠠᠷᠢᠯᠭ᠎ᠠ ᠡᠬᠢᠯᠡᠨ᠂ ᠣᠯᠣᠰ ᠤᠨ ᠴᠠᠬᠢᠯᠭᠠᠨ ᠤ ᠱᠤᠸᠠᠩ ᠸᠧᠢ ᠴᠠᠬᠢᠯᠭᠠᠨ ᠣᠶᠢᠯᠠᠳᠪᠦᠷᠢ ᠶᠢᠨ ᠭᠠᠵᠠᠷ ᠲᠡᠭᠰᠢᠯᠡᠬᠦ ᠵᠡᠷᠭᠡ ᠪᠡᠯᠡᠳᠬᠡᠯ | ᠠᠵᠢᠯ ᠲᠠᠭᠤᠰᠴᠦ᠂ ᠴᠠᠩ ᠴᠧᠩ ᠴᠠᠬᠢᠯᠭᠠᠨ ᠣᠶᠢᠯᠠᠳᠪᠦᠷᠢ ᠶᠢᠨ ᠪᠡᠯᠡ ᠣᠷᠣᠭᠤᠯᠬᠤ ᠭᠤᠣᠯ ᠴᠣᠭᠴᠠ ᠶᠢᠨ ᠰᠲ᠋ᠣᠺ ᠤᠨ ᠡᠷᠭᠡ ᠶᠢᠨ ᠲᠣᠬᠢᠷᠠᠭᠤᠯᠣᠯᠳᠠ ᠶᠢ | ᠪᠡᠶᠡᠯᠡᠭᠦᠯᠦᠨ ᠪᠠᠷᠢᠯᠭ᠎ᠠ ᠡᠬᠢᠯᠡᠬᠦ ᠳᠤ ᠪᠡᠯᠡᠭᠡᠨ ᠪᠣᠯᠵᠣ᠂ ᠬᠤᠸᠠ ᠰᠢᠩ ᠤᠨ40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ | ᠵᠣᠶᠢᠯ ᠵᠦᠪᠰᠢᠶᠡᠷᠡᠬᠦᠯᠬᠦ ᠵᠠᠩᠬᠢᠯᠠᠭ᠎ᠠ ᠶᠢᠨ ᠱᠠᠳᠣᠨ ᠳᠤ ᠣᠷᠣᠪᠠ᠃ ︽ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ ᠮᠠᠯᠵᠢᠬᠤ ᠲᠠᠷᠢᠶᠠᠯᠠᠬᠤ ᠣᠷᠣᠨ᠂ | ᠪᠣᠯᠪᠠᠰᠣᠷᠠᠯ ᠰᠠᠶᠢᠲᠠᠢ ᠮᠠᠯᠴᠢᠨ ᠲᠠᠷᠢᠶᠠᠴᠢᠨ︾ ᠤ ᠢᠨᠵᠧᠨᠧᠷᠢᠩ ᠤᠨ ᠰᠢᠨᠡᠴᠢᠯᠡᠯᠳᠡ ᠲᠠᠢ ᠠᠬᠢᠵᠣ᠂ ᠬᠤᠳᠠ ᠶᠢᠨ ᠲᠡᠰ ᠤᠨ ᠲᠣᠯᠣᠭᠠᠶᠢᠯᠠᠭᠴᠢ ᠠᠵᠣ ᠠᠬᠤᠶᠢᠶᠢᠯᠠᠯ | ᠢ 4 ᠪᠣᠶᠢᠵᠢᠭᠤᠯᠣᠨ᠂ ᠶᠢᠨ ᠷᠦᠨ ᠶᠤᠸᠠᠨ᠂ ᠬᠤᠩ ᠶᠧ ᠺᠣᠮᠫᠠᠨᠢ ᠶᠢᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠦᠪᠡᠷᠳᠡᠭᠡᠨ ᠵᠠᠰᠠᠬᠤ ᠣᠷᠣᠨ ᠤ ᠨᠡᠶᠢᠳᠡ ᠳᠤ | ᠬᠤᠣᠷᠳᠠᠯ ᠦᠭᠡᠢ ᠭᠠᠷᠣᠯᠳᠠ ᠶᠢᠨ ᠭᠠᠵᠠᠷ ᠢᠶᠠᠷ ᠲᠣᠭᠳᠠᠭᠠᠭᠳᠠᠵᠣ᠂ ᠮᠠᠯᠴᠢᠨ ᠲᠠᠷᠢᠶᠠᠴᠢᠳ ᠤᠨ ᠡᠯ᠎ᠡ ᠲᠦᠷᠦᠯ ᠤᠨ ᠲᠣᠰᠬᠠᠢ ᠬᠠᠮᠳᠣᠷᠠᠯ ᠢ 30 ᠪᠣᠶᠢᠵᠢᠭᠤᠯᠣᠨ᠂ | 7093 ᠡᠷᠦᠬᠡ ᠮᠠᠯᠴᠢᠨ ᠲᠠᠷᠢᠶᠠᠴᠢᠨ ᠢ ᠲᠠᠶᠢᠴᠢᠯᠠᠨ ᠲᠠᠭᠠᠭᠤᠯᠪᠠ᠃ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠠᠭᠤᠰᠣᠯᠴᠠᠨ ᠠᠬᠢᠵᠣ᠂ ︽1 + 6︾ | ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠭᠠᠵᠠᠷ ᠠᠰᠢᠭᠯᠠᠯᠳᠠ ᠳᠤ ᠣᠷᠣᠨ᠂ ᠲᠠᠯ᠎ᠠ ᠨᠣᠳᠤᠭ ᠤᠨ ᠲᠣᠷᠭᠠᠨ ᠵᠠᠮ ᠨᠠᠶᠢᠷᠠᠯ ᠲᠠᠭᠤᠨ ᠤ ᠨᠠᠶᠢᠷ ᠵᠡᠷᠭᠡ | ᠨᠡᠷᠡᠳᠦ ᠲᠡᠮᠳᠡᠭᠳᠦ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠣ᠂ ᠠᠵᠠᠳᠠᠢ ᠡᠷᠡᠭᠦᠯᠵᠢᠯ ᠰᠣᠪᠢᠯᠠᠯ ᠤᠨ ᠬᠦᠷᠢᠶᠠᠯᠠᠩ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ | ᠪᠦᠯᠦᠭ ᠡᠮᠨᠡᠵᠣ ᠰᠣᠪᠢᠯᠠᠬᠤ ᠶᠢ ᠣᠶᠠᠯᠳᠣᠭᠤᠯᠬᠤ ᠲᠠᠭᠤᠷᠢᠶᠠᠯ ᠨᠢᠭᠡᠴᠡ ᠪᠠᠷ ᠦᠨᠡᠯᠡᠭᠳᠡᠨ᠂ ᠬᠦᠳᠡᠭᠡ ᠶᠢᠨ ᠵᠢᠭᠤᠯᠴᠢᠯᠠᠯ᠂ ᠬᠤᠪᠢᠰᠬᠠᠯᠳᠦ ᠵᠢᠭᠤᠯᠴᠢᠯᠠᠯ᠂ | ᠡᠷᠡᠭᠦᠯᠵᠢᠯ ᠤᠨ ᠵᠢᠭᠤᠯᠴᠢᠯᠠᠯ ᠵᠡᠷᠭᠡ ᠣᠶᠢᠯᠠᠰ ᠤᠨ ᠣᠯᠠᠨ ᠡᠰᠢᠳᠦ ᠬᠦᠭᠵᠢᠯᠳᠡ ᠶᠢ ᠲᠠᠶᠢᠴᠢᠯᠠᠪᠠ᠃ | ᠨᠢᠭᠡ ᠵᠢᠯ ᠤᠨ ᠲᠣᠷᠰᠢ᠂ ᠪᠢᠳᠠ ᠢᠮᠠᠭᠳᠠ ᠠᠷᠠᠳ ᠤᠨ ᠠᠮᠢᠳᠣᠷᠠᠯ ᠢ ᠬᠠᠷᠠᠭᠠᠯᠵᠠᠵᠣ᠂ ᠣᠯᠠᠨ ᠲᠦᠮᠡᠨ ᠤ ᠬᠦᠷᠳᠡᠭᠡᠯ ᠢ ᠣᠯᠠᠮ ᠨᠡᠮᠡᠭᠳᠡᠭᠦᠯᠪᠡ᠃ᠡᠳ᠋ ᠤᠨ | ᠵᠠᠰᠠᠭ ᠬᠦᠴᠢᠷᠳᠡᠯᠳᠡᠢ ᠪᠠᠶᠢᠳᠠᠯ ᠤᠨ ᠲᠣᠣᠷ᠎ᠠ᠂ ᠠᠷᠠᠳ ᠤᠨ ᠠᠮᠢᠳᠣᠷᠠᠯ ᠲᠣᠮᠳᠠᠬᠢ ᠣᠷᠣᠭᠤᠯᠣᠯᠳᠠ ᠪᠠᠨ ᠦᠷᠭᠦᠯᠵᠢᠯᠡᠨ ᠨᠡᠮᠡᠭᠳᠡᠭᠦᠯᠵᠣ᠂ ᠠᠷᠠᠳ ᠤᠨ ᠠᠮᠢᠳᠣᠷᠠᠯ | ᠤᠨ ᠪᠠᠳᠣᠯᠠᠭ᠎ᠠ ᠶᠢᠨ ︽ᠵᠢᠷᠭᠤᠭᠠᠨ ᠲᠠᠪᠬᠤᠷ ᠲᠣᠣᠷ︾ ᠢ ᠪᠠᠬᠢᠵᠢᠭᠦᠯᠪᠡ᠃ ᠶᠠᠳᠠᠭᠤ ᠠᠴᠠ ᠠᠩᠬᠢᠵᠢᠷᠠᠭᠤᠯᠬᠤ ᠠᠵᠢᠯ ᠢᠯᠡᠷᠬᠡᠢ ᠠᠮᠵᠢᠯᠳᠠ ᠣᠯᠵᠣ᠂ ᠡᠯ᠎ᠡ | ᠲᠦᠷᠦᠯ ᠤᠨ ᠲᠡᠳᠬᠦᠮᠵᠢ ᠶᠢᠨ ᠪᠡᠯᠡ ᠮᠦᠩᠭᠦ ᠶᠢ 2029 ᠲᠦᠮᠡᠨ ᠲᠦᠭᠦᠷᠢᠭ ᠣᠷᠣᠭᠤᠯᠵᠣ᠂ ᠶᠠᠳᠠᠭᠤ ᠬᠦᠴᠢᠷᠳᠡᠯᠳᠡᠢ ᠡᠷᠦᠬᠡ ᠶᠢᠨ ᠬᠦᠮᠦᠨ ᠲᠣᠮᠳᠠᠴᠢ ᠴᠡᠪᠡᠷ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 20% ᠠᠴᠠ ᠲᠡᠭᠡᠭᠰᠢ ᠨᠡᠮᠡᠭᠳᠡᠪᠡ᠃ ᠣᠶᠢᠯᠠᠰ ᠪᠦᠳᠦᠭᠡᠨ ᠠᠵᠢᠯ ᠣᠯᠬᠤ ᠢᠳᠡᠪᠬᠢᠳᠡᠢ ᠲᠦᠷᠦ ᠶᠢᠨ ᠪᠣᠳᠣᠯᠭ᠎ᠠ | ᠬᠡᠷᠡᠭᠵᠢᠭᠦᠯᠦᠨ᠂ ᠠᠷᠠᠳ ᠢ ᠴᠢᠨᠡᠭᠡᠯᠢᠭᠵᠢᠭᠦᠯᠬᠦ ᠣᠶᠢᠯᠠᠰ ᠪᠦᠳᠦᠭᠡᠯᠳᠡ ᠶᠢᠨ ᠰᠠᠭᠤᠷᠢᠨ ᠭᠠᠵᠠᠷ ᠦᠪᠡᠷᠳᠡᠭᠡᠨ ᠵᠠᠰᠠᠬᠤ ᠣᠷᠣᠨ ᠤ ᠬᠤᠶᠠᠳᠦᠭᠠᠷ ᠪᠦᠯᠦᠭ | ᠲᠣᠷᠰᠢᠯᠳᠠ ᠶᠢᠨ ᠨᠢᠭᠡᠴᠡ ᠪᠠᠷ ᠰᠣᠩᠭᠤᠭᠳᠠᠵᠣ᠂ ᠵᠢᠸ᠎ᠠ ᠺᠣᠮᠫᠠᠨᠢ ᠶᠢ ᠣᠯᠣᠰ ᠤᠨ ᠲᠡᠰ ᠤᠨ ᠣᠶᠢᠯᠠᠰ ᠪᠦᠳᠦᠭᠡᠯᠳᠡ ᠶᠢᠨ ᠰᠠᠭᠤᠷᠢᠨ ᠭᠠᠵᠠᠷ ᠪᠣᠯᠵᠣ᠂ ᠡᠯ᠎ᠡ | ᠲᠦᠷᠦᠯ ᠤᠨ 571 ᠬᠦᠮᠦᠨ ᠢ ᠡᠯᠰᠡᠨ ᠲᠦᠪᠬᠢᠨᠡᠭᠦᠯᠵᠣ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ ᠪᠦᠬᠦ ᠬᠤᠳᠠ ᠶᠢᠨ | ᠲᠣᠮᠳᠠᠴᠢ ᠲᠦᠪᠰᠢᠨ ᠠᠴᠠ ᠲᠣᠣᠷ᠎ᠠ ᠪᠠᠶᠢᠯᠭᠠᠪᠠ᠃ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠶᠠᠰᠦ ᠴᠢᠨᠠᠷ ᠲᠣᠭᠳᠠᠭᠤᠨ ᠲᠡᠭᠡᠭᠰᠢᠯᠡᠵᠣ᠂ 131 ᠰᠢᠯᠢᠳᠡᠭ | ᠪᠠᠭᠰᠢ ᠣᠷᠢᠨ ᠡᠯᠰᠡᠵᠥ᠂ ᠮᠣᠩᠭᠤᠯ ᠲᠣᠮᠳᠠᠳᠦ ᠰᠣᠷᠭᠠᠭᠤᠯᠢ ᠦᠪᠡᠷᠳᠡᠭᠡᠨ ᠵᠠᠰᠠᠬᠤ ᠣᠷᠣᠨ ᠤ ᠰᠢᠯᠢᠳᠡᠭ ᠲᠡᠭᠡᠳᠦ ᠲᠣᠮᠳᠠᠳᠦ ᠶᠢᠨ ᠦᠨᠡᠯᠡᠯᠳᠡ ᠶᠢ ᠣᠷᠣᠭᠰᠢᠳᠠᠢ | ᠲᠣᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠣᠶᠢᠯᠡᠴᠢᠯᠡᠭᠡ ᠶᠢᠨ ᠬᠠᠷᠠᠭᠠᠯᠵᠠᠯ ᠲᠦᠭᠡᠮᠡᠯᠵᠢᠵᠣ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠳᠠᠨ | ᠣᠶᠢᠯᠡᠴᠢᠯᠡᠬᠦ ᠪᠦᠯᠬᠦᠮ ᠢ 74 ᠪᠠᠶᠢᠭᠤᠯᠣᠨ᠂ 4.4 ᠲᠦᠮᠡᠨ ᠬᠦᠮᠦᠨ ᠳᠤ ᠭᠡᠷ᠎ᠡ ᠲᠣᠭᠳᠠᠨ ᠣᠶᠢᠯᠡᠴᠢᠯᠡᠵᠣ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ | ᠤᠨ ᠬᠤᠷᠰᠢᠭᠰᠠᠨ ᠡᠮᠨᠡᠯᠭᠡ ᠶᠢᠨ ᠪᠦᠬᠦ ᠪᠦᠷᠬᠦᠴᠡ ᠶᠢ ᠪᠡᠶᠡᠯᠡᠭᠦᠯᠪᠡ᠃ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ ᠶᠢᠨ ᠪᠠᠷᠢᠮᠵᠢᠶ᠎ᠠ ᠶᠢ ᠦᠷᠭᠦᠷᠵᠢᠯᠡᠨ | ᠨᠡᠮᠡᠭᠳᠡᠭᠦᠯᠵᠣ᠂ ᠪᠦᠬᠦ ᠵᠢᠯ ᠲᠤ 1200 ᠭᠠᠷᠦᠢ ᠲᠦᠮᠡᠨ ᠲᠦᠭᠦᠷᠢᠭ ᠤᠨ ᠲᠣᠣᠷ᠎ᠠ ᠪᠠᠳᠣᠯᠠᠭ᠎ᠠ ᠶᠢᠨ ᠮᠦᠩᠭᠦ ᠣᠯᠭᠤᠵᠣ᠂ 4200 ᠭᠠᠷᠦᠢ ᠬᠦᠴᠢᠷᠳᠡᠯᠳᠡᠢ | ᠣᠯᠠᠨ ᠲᠦᠮᠠᠨ ᠢ ᠬᠠᠷᠠᠭᠠᠯᠵᠠᠪᠠ᠃ ᠰᠣᠶᠣᠯ ᠤᠨ ᠥᠢᠯᠡᠰ ᠡᠳᠦᠷ ᠢᠷᠡᠭᠦᠶ᠎ᠡ ᠴᠡᠴᠡᠭᠯᠡᠵᠣ᠂ ᠰᠣᠶᠣᠯ ᠢ ᠬᠦᠳᠡᠭᠡ ᠪᠠᠭᠤᠯᠭᠠᠬᠤ ᠠᠵᠢᠯᠯᠠᠭ᠎ᠠ ᠶᠢ 1600 ᠲᠠᠯᠠᠪᠠᠢ | ᠣᠳᠠᠭ᠎ᠠ ᠶᠠᠪᠤᠭᠳᠠᠭᠤᠯᠵᠤ᠂ ᠣᠳᠤᠭ ᠤᠨ ᠡᠮᠦᠨᠡᠳᠦ ᠬᠤᠰᠢᠭᠤᠨ ᠤ ᠣᠨᠴᠠᠯᠢᠭ ᠲᠠᠢ ᠬᠤᠪᠢᠰᠬᠠᠯᠳᠦ ᠵᠦᠴᠦᠭᠡ ︽ᠠᠨᠠᠷ ᠪᠣᠯᠪᠠᠰᠣᠷᠠᠯ᠎ᠠ︾ ᠪᠡᠭᠡᠵᠢᠭ ᠬᠦᠬᠡᠬᠤᠳᠠ | ᠵᠡᠷᠭᠡ ᠭᠠᠵᠠᠷ ᠲᠤ ᠠᠮᠵᠢᠯᠳᠠ ᠲᠠᠢ ᠲᠤᠭᠯᠠᠭᠳᠠᠵᠤ᠂ ᠦᠨᠳᠦᠰᠦᠳᠡᠨ ᠤ ᠰᠣᠶᠣᠯ ᠣᠷᠠᠯᠢᠭ ᠤᠨ ᠬᠦᠭᠵᠢᠯᠳᠡ ᠶᠢ ᠠᠬᠢᠭᠤᠯᠪᠠ᠃ | ᠨᠢᠭᠡ ᠵᠢᠯ ᠤᠨ ᠲᠣᠷᠰᠢ᠂ ᠪᠢᠳᠡ ᠪᠦᠬᠦ ᠬᠦᠴᠦᠨ ᠢᠶᠠᠷ ᠰᠠᠭᠤᠷᠢ ᠪᠠᠨ ᠪᠠᠬᠢᠵᠢᠭᠦᠯᠵᠣ᠂ ᠬᠤᠳᠠ ᠬᠦᠳᠡᠭᠡ ᠶᠢᠨ ᠣᠷᠣᠰᠢᠨ ᠰᠠᠭᠤᠬᠤ ᠣᠷᠴᠢᠨ ᠢ ᠣᠯᠠᠮ | ᠰᠠᠶᠢᠵᠢᠷᠠᠭᠤᠯᠪᠠ᠃ ᠬᠤᠳᠠ ᠪᠠᠯᠭᠠᠰᠣᠨ ᠤ ᠣᠶᠢᠵᠢᠭᠤᠯᠣᠯᠳᠠ ᠭᠡᠷᠡᠯᠳᠦᠭᠦᠯᠭᠡ ᠪᠣᠯᠣᠨ ᠵᠡᠭᠡᠯᠢ ᠲᠠᠭᠠᠤ ᠭᠡᠷ ᠪᠠᠶᠢᠰᠢᠩ ᠤᠨ ᠦᠭᠡᠷᠡᠴᠢᠯᠡᠯᠳᠡ ᠵᠡᠷᠭᠡ ᠢᠨᠵᠧᠨᠧᠷᠢᠩ ᠢ | ᠬᠡᠷᠡᠭᠵᠢᠭᠦᠯᠵᠣ᠂ ᠰᠢᠨ᠎ᠡ ᠪᠠᠷ 18.6 ᠲᠦᠮᠡᠨ ᠺᠦᠸ᠋ᠳ᠋ ᠮᠧᠲᠷ ᠬᠤᠳᠠ ᠶᠢᠨ ᠣᠶᠢᠵᠢᠭᠤᠯᠣᠯᠳᠠ ᠬᠢᠵᠣ᠂ ᠲᠦᠷᠪᠡᠨ ᠪᠠᠯᠭᠠᠰᠦᠨ ᠳᠤ ᠲᠦᠯᠦᠪᠦᠷᠢ ᠦᠭᠡᠢ WIFI | ᠨᠡᠪᠳᠡᠷᠡᠭᠦᠯᠵᠣ᠂ ᠪᠣᠷᠣᠪᠠᠯᠭᠠᠰᠣ ᠪᠦᠬᠦ ᠣᠯᠣᠰ ᠤᠨ ᠣᠨᠴᠠᠯᠢᠭᠳᠦ ᠪᠠᠯᠭᠠᠰᠦ ᠪᠠᠷ ᠦᠨᠡᠯᠡᠭᠳᠡᠨ᠂ ᠮᠠᠨ ᠤ ᠬᠤᠰᠢᠭᠤ ᠪᠦᠬᠦ ᠣᠯᠣᠰ ᠤᠨ ᠰᠢᠶᠠᠨ ᠤ ᠲᠡᠰ ᠤᠨ | ᠪᠣᠯᠪᠠᠰᠣᠨ ᠬᠤᠳᠠ ᠪᠣᠯᠣᠨ ᠣᠯᠣᠰ ᠤᠨ ᠴᠡᠴᠡᠷᠯᠢᠭᠵᠢᠭᠦᠯᠭᠡ ᠶᠢᠨ ᠰᠢᠶᠠᠨ ᠤ ᠬᠤᠳᠠ ᠶᠢ ᠠᠮᠵᠢᠯᠳᠠ ᠲᠠᠢ ᠴᠣᠭᠴᠠᠯᠠᠵᠣ᠂ ᠬᠤᠳᠠ ᠪᠠᠯᠭᠠᠰᠣᠨ ᠤ ᠴᠢᠳᠠᠪᠬᠢ ᠪᠣᠯᠣᠨ | ᠬᠡᠪ ᠴᠢᠨᠰᠠᠭ᠎ᠠ ᠢᠯᠡᠳᠳᠡ ᠲᠡᠭᠡᠭᠰᠢᠯᠡᠪᠡ᠃ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢᠨ ᠡᠷᠴᠢᠮ ᠢ ᠴᠢᠩᠭᠠᠳᠬᠠᠵᠣ᠂ S216 ᠱᠤᠭᠤᠮ ᠤᠨ ᠣᠯᠵᠠᠴᠢ | ᠠᠴᠠ ᠪᠣᠷᠣᠪᠠᠯᠭᠠᠰᠣ ᠬᠦᠷᠬᠦ ᠭᠡᠰᠡᠭ᠂ ᠲᠦᠩᠽᠢ ᠠᠴᠠ ᠪᠣᠷᠣᠪᠠᠯᠭᠠᠰᠦ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠢ ᠠᠰᠢᠭᠯᠠᠯᠳᠠ ᠳᠤ ᠣᠷᠣᠭᠤᠯᠵᠣ᠂ ᠣᠯᠵᠠᠴᠢ | ᠠᠴᠠ ᠳ᠋ᠦᠩ ᠳ᠋ᠣᠣ ᠯᠢᠶᠠᠩ ᠬᠦᠷᠬᠦ ᠲᠦᠷᠭᠡᠨ ᠵᠡᠮ᠂ ᠱᠠᠩᠬᠠᠢ ᠶᠢᠨ ᠰᠦᠮ᠎ᠡ ᠠᠴᠠ ᠦᠵᠦᠭᠦᠷ ᠪᠠᠯᠭᠠᠰᠦ ᠬᠦᠷᠬᠦ ᠵᠠᠰᠠᠮᠠᠯ ᠵᠠᠮ ᠲᠡᠷᠬᠡ ᠨᠡᠪᠳᠡᠷᠭᠦ ᠪᠠᠷ ᠪᠣᠯᠵᠣ᠂ | ᠣᠳᠤᠭ ᠤᠨ ᠡᠮᠦᠨᠡᠳᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠷᠢᠯᠭ᠎ᠠ ᠡᠬᠢᠯᠡᠬᠦ ᠨᠦᠬᠦᠴᠡᠯ ᠪᠥᠷᠢᠳᠥᠪᠡ᠃ ᠠᠮᠢ ᠠᠬᠤᠢ ᠶᠢᠨ | ᠪᠠᠶᠢᠭᠤᠯᠣᠯᠳᠠ ᠶᠢᠨ ᠦᠷ᠎ᠡ ᠪᠦᠳᠦᠭᠡᠯ ᠦᠷᠭᠦᠯᠵᠢᠯᠡᠨ ᠪᠠᠬᠢᠵᠢᠵᠣ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ ᠲᠦᠷᠦ ᠶᠢᠨ ᠪᠣᠳᠣᠯᠭ᠎ᠠ ᠪᠣᠯᠣᠨ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ 70 ᠲᠦᠮᠡᠨ ᠮᠣ᠋ ᠨᠣᠳᠤᠭ ᠪᠡᠯᠴᠢᠭᠡᠷ ᠢ ᠪᠦᠳᠦᠭᠡᠨ ᠪᠠᠶᠢᠭᠤᠯᠵᠣ᠂ 14.4 ᠲᠦᠮᠡᠨ ᠮᠣ᠋ | ᠣᠯᠣᠰ ᠤᠨ ᠨᠣᠳᠤᠭ ᠲᠡᠪᠢᠰᠭᠡᠷ ᠢ ᠣᠶᠢᠵᠢᠭᠤᠯᠪᠠ᠃ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠡᠷᠡᠰ ᠴᠢᠩᠭ᠎ᠠ ᠪᠠᠷ ᠴᠡᠭᠴᠡᠯᠡᠵᠣ᠂ ᠲᠡᠭᠡᠳᠤ ᠱᠠᠳᠤᠨ ᠤ | ᠱᠠᠭᠠᠷᠳᠠᠨ ᠪᠠᠶᠢᠴᠠᠭᠠᠯᠳᠠ ᠪᠠᠷ ᠬᠠᠷᠢᠭᠤ ᠲᠣᠰᠬᠠᠭᠰᠠᠨ 106 ᠠᠰᠠᠭᠤᠳᠠᠯ ᠤᠨ 32 ᠢ ᠬᠡᠪ ᠤᠨ ᠪᠠᠶᠢᠳᠠᠯ ᠶᠣᠰᠣᠭᠠᠷ ᠠᠬᠢᠭᠤᠯᠵᠣ᠂ 74 ᠲᠦᠷᠦᠯ ᠤᠨ ᠣᠷᠴᠢᠨ | ᠲᠣᠭᠤᠷᠢᠨ ᠤ ᠵᠠᠰᠠᠯᠳᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ | ᠨᠢᠭᠡ ᠵᠢᠯ ᠤᠨ ᠲᠣᠷᠰᠢ᠂ ᠪᠢᠳᠡ ᠦᠭᠡᠷᠡᠴᠢᠯᠡᠯᠳᠡ ᠶᠢ ᠯᠠᠪᠳᠠᠭᠤᠨ ᠪᠠᠳᠣᠳᠠᠢ ᠠᠬᠢᠭᠤᠯᠵᠣ᠂ ᠬᠦᠭᠵᠢᠯᠳᠡ ᠶᠢᠨ ᠲᠣᠳᠣᠭᠠᠳᠦ ᠬᠦᠳᠡᠯᠭᠡᠭᠴᠢ ᠬᠦᠴᠦᠨ ᠢ | ᠣᠯᠠᠮ ᠠᠮᠢᠳᠤᠯᠢᠭᠵᠢᠭᠤᠯᠪᠠ᠃ ᠬᠠᠣᠯᠢ ᠬᠡᠷᠡᠭᠵᠢᠭᠦᠯᠬᠦ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠣ᠂ 13 ᠶᠡᠷᠦᠩᠬᠡᠶᠢᠯᠡᠭᠰᠡᠨ ᠬᠠᠣᠯᠢ ᠭᠡᠷᠡᠭᠵᠢᠭᠦᠯᠬᠦ | ᠲᠣᠪᠴᠢᠶ᠎ᠠ ᠪᠠᠶᠢᠭᠤᠯᠣᠨ᠂ ᠬᠠᠣᠯᠢ ᠬᠡᠷᠡᠭᠵᠢᠭᠦᠯᠬᠦ ᠬᠦᠴᠦᠨ ᠢ ᠪᠦᠬᠦ ᠲᠠᠯ᠎ᠠ ᠪᠠᠷ ᠴᠢᠩᠭ᠎ᠠ ᠠᠳᠬᠤᠪᠠ᠃ ᠲᠣᠳᠣᠭᠠᠳᠦ ᠶᠢ ᠬᠠᠮᠠᠭᠠᠯᠠᠬᠤ ︽ᠲᠣᠮᠣ ᠰᠠᠯᠠᠭ᠎ᠠ ᠮᠦᠴᠢᠷ | ᠂ ᠲᠣᠮᠣ ᠴᠠᠭᠳᠠᠭᠠᠨ ᠲᠦᠷᠦᠯ︾ ᠤᠨ ᠲᠦᠷᠢᠮ ᠤᠨ ᠦᠭᠡᠷᠡᠴᠢᠯᠡᠯᠳᠡ ᠪᠦᠬᠦ ᠬᠤᠳᠠ ᠶᠢᠨ ᠲᠠᠪᠣᠳᠦᠭᠠᠷ ᠪᠦᠯᠦᠭ ᠦᠭᠡᠷᠡᠴᠢᠯᠡᠯᠳᠡ ᠶᠢ ᠲᠦᠭᠡᠮᠡᠯᠵᠢᠭᠦᠯᠬᠦ ᠲᠣᠷᠰᠢᠯᠭ᠎ᠠ | ᠳᠤ ᠵᠢᠭᠰᠠᠭᠠᠭᠳᠠᠵᠣ᠂ ᠪᠡᠶ᠎ᠡ ᠪᠠᠨ ᠲᠠᠭᠠᠭᠠᠨ ᠨᠡᠭᠡᠭᠡᠭᠰᠡᠨ ︽ᠣᠶᠣᠨᠴᠢ ᠵᠠᠮ ᠬᠠᠷᠢᠯᠴᠠᠭᠠᠨ ᠤ ᠬᠠᠮᠢᠶᠠᠷᠣᠯᠳᠠ︾ ᠶᠢᠨ ᠲᠠᠪᠴᠠᠩ ᠣᠯᠣᠰ ᠤᠨ ᠲᠣᠰᠬᠠᠢ ᠠᠰᠢᠭ ᠤᠨ | ᠡᠷᠬᠡ ᠶᠢ ᠣᠯᠪᠠ᠃ ᠬᠤᠰᠢᠭᠤ᠂ ᠪᠠᠯᠭᠠᠰᠦ᠂ ᠭᠠᠴᠠᠭ᠎ᠠ ᠭᠤᠷᠪᠠᠨ ᠱᠠᠳᠦ ᠬᠤᠯᠪᠣᠭᠠᠯᠠᠭᠰᠠᠨ ᠣᠶᠣᠨᠴᠢ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ ᠲᠠᠪᠴᠠᠩ ᠢ | ᠪᠠᠶᠢᠭᠤᠯᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠬᠤᠷᠳᠣᠴᠠ ᠶᠢ 60% ᠲᠡᠭᠡᠭᠰᠢᠯᠡᠭᠦᠯᠵᠣ᠂ ᠪᠦᠬᠦ ᠣᠯᠣᠰ ᠤᠨ ᠵᠠᠰᠠᠭ ᠤᠨ ᠶᠠᠪᠣᠳᠠᠯ ᠤᠨ | ᠣᠶᠢᠯᠡᠴᠢᠯᠡᠭᠡᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠰᠢᠨᠡᠴᠢᠯᠡᠯ ᠤᠨ ᠱᠠᠩᠨᠠᠯ ᠣᠯᠪᠠ᠃ ︽ᠮᠣᠩᠭᠤᠯ ᠤᠨ ᠦᠨᠳᠦᠷᠯᠢᠭ ᠤᠨ ᠨᠣᠣᠯᠣᠭᠤᠷ ᠤᠨ | ᠢᠮᠠᠭᠠᠨ ᠤ ᠠᠮᠢ ᠠᠬᠤᠶᠢᠴᠢ ᠠᠰᠢᠭ ᠰᠠᠶᠢᠳᠡᠢ ᠠᠷᠠᠴᠢᠯᠠᠬᠤ ᠰᠣᠳᠣᠯᠭᠠᠨ ᠤ ᠠᠺᠠᠳᠧᠮᠢᠴᠢ ᠶᠢᠨ ᠠᠵᠢᠯ ᠤᠨ ᠦᠷᠳᠡᠭᠡ︾ ᠲᠣᠮᠳᠠᠳᠦ ᠣᠯᠣᠰ ᠤᠨ ᠰᠢᠨᠵᠢᠯᠡᠭᠡ | ᠮᠡᠷᠭᠡᠵᠢᠯ ᠤᠨ ᠨᠡᠶᠢᠭᠡᠮᠯᠢᠭ ᠤᠨ ᠬᠦᠬᠢᠭᠦᠯᠦᠯ ᠬᠦᠷᠳᠡᠵᠣ᠂ 2017 ᠣᠨ ᠳᠤ ᠪᠦᠬᠦ ᠣᠯᠣᠰ ᠤᠨ ᠵᠢᠱᠢᠶ᠎ᠡ ᠦᠵᠡᠭᠦᠯᠭ᠊ ᠠᠺᠠᠳᠧᠮᠢᠴᠢ ᠶᠢᠨ ᠠᠵᠢᠯ ᠤᠨ ᠦᠷᠳᠡᠭᠡ ᠶᠢᠨ | ᠴᠣᠯᠠ ᠣᠯᠪᠠ᠃ | ᠨᠢᠭᠡ ᠵᠢᠯ ᠤᠨ ᠲᠣᠷᠰᠢ᠂ ᠪᠢᠳᠡ ᠬᠡᠪ ᠰᠠᠬᠢᠯᠭ᠎ᠠ ᠶᠢ ᠴᠢᠩᠭᠠᠳᠬᠠᠨ ᠦᠷ᠎ᠡ ᠪᠦᠳᠦᠮᠵᠢ ᠶᠢ ᠲᠡᠭᠡᠭᠰᠢᠯᠡᠭᠦᠯᠵᠣ᠂ ᠵᠠᠰᠠᠭ ᠤᠨ ᠣᠷᠳᠣᠨ ᠤ ᠵᠠᠰᠠᠯᠳᠠ ᠶᠢᠨ | ᠴᠢᠳᠠᠪᠦᠷᠢ ᠪᠠᠨ ᠣᠯᠠᠮ ᠲᠡᠭᠡᠭᠰᠢᠯᠡᠭᠦᠯᠪᠡ᠃ ︽ᠲᠦᠷᠪᠠᠨ ᠣᠬᠠᠮᠰᠠᠷ︾ ᠢᠶᠠᠨ ᠪᠠᠬᠢᠵᠢᠭᠦᠯᠵᠣ᠂ ᠬᠤᠰᠢᠭᠤ ᠨᠠᠮ ᠤᠨ ᠬᠤᠷᠢᠶᠠᠨ ᠤ ᠣᠳᠣᠷᠢᠳᠣᠯᠭ᠎ᠠ ᠶᠢ ᠡᠷᠡᠰ | ᠲᠠᠭᠠᠵᠣ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠣᠯᠢ ᠶᠢᠨ ᠬᠢᠨᠠᠯᠳᠠ ᠪᠣᠯᠣᠨ ᠣᠯᠣᠰ ᠲᠦᠷᠦ ᠶᠢᠨ | ᠵᠥᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠣ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠦᠷᠬᠡᠨ ᠲᠡᠯᠭᠡᠷᠡᠩᠬᠦᠢ | ᠰᠣᠨᠣᠰᠴᠦ᠂ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠲᠣᠷᠠᠳᠣᠯᠭ᠎ᠠ ᠶᠢ 82 ᠬᠤᠪᠢ ᠭᠦᠢᠴᠡᠳᠬᠡᠵᠣ | ᠂ ᠭᠦᠢᠴᠡᠳᠬᠡᠯ 100% ᠬᠦᠷᠪᠡ᠃ ︽ᠬᠤᠶᠠᠷ ᠢ ᠰᠣᠷᠣᠯᠴᠠᠵᠣ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠣᠷᠣᠯᠴᠠᠯᠭ᠎ᠠ ᠬᠦᠮᠦᠵᠢᠯ ᠤᠨ | ᠪᠠᠶᠢᠩᠭᠤᠵᠢᠯᠳᠠ ᠲᠦᠷᠢᠮᠵᠢᠯᠳᠡ ᠶᠢ ᠭᠦᠨᠵᠡᠭᠡᠢ ᠠᠬᠢᠭᠤᠯᠵᠣ᠂ ᠲᠦᠪ ᠤᠨ ᠨᠠᠢᠮᠠᠨ ᠲᠣᠭᠳᠠᠭᠠᠯ ᠪᠣᠯᠣᠨ ᠣᠷᠣᠨ᠂ ᠬᠤᠳᠠ᠂ ᠬᠤᠰᠢᠭᠤᠨ ᠤ ᠲᠦᠬᠦᠷ ᠲᠣᠭᠳᠠᠭᠠᠯ ᠢ | ᠡᠷᠡᠰ ᠴᠢᠩᠭ᠎ᠠ ᠨᠠᠶᠢᠳᠠᠪᠦᠷᠢᠵᠢᠭᠤᠯᠵᠣ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ᠂ ᠬᠢᠨᠠᠨ ᠪᠣᠳᠣᠯᠳᠠ ᠪᠣᠯᠣᠨ ᠰᠠᠬᠢᠯᠭ᠎ᠠ ᠬᠡᠷᠡᠭᠵᠢᠭᠦᠯᠦᠨ ᠬᠠᠷᠢᠭᠤᠴᠠᠯᠭ᠎ᠠ | ᠨᠡᠭᠡᠮᠵᠢᠯᠡᠭᠦ ᠶᠢ ᠪᠦᠬᠦ ᠲᠠᠯ᠎ᠠ ᠪᠠᠷ ᠴᠢᠩᠭᠠᠳᠬᠠᠵᠣ᠂ ᠵᠠᠰᠭ ᠤᠨ ᠣᠷᠳᠣᠨ ᠤ ᠨᠠᠶᠢᠳᠠᠪᠦᠷᠢᠵᠢᠭᠤᠯᠣᠯᠳᠠ ᠶᠢ ᠠᠳᠬᠤᠬᠤ ᠴᠢᠳᠠᠪᠦᠷᠢ ᠪᠣᠯᠣᠨ ᠵᠠᠰᠠᠯᠳᠠ ᠶᠢᠨ ᠴᠢᠳᠠᠪᠦᠷᠢ | ᠶᠢ ᠢᠯᠡᠳᠳᠡ ᠲᠡᠭᠡᠭᠰᠢᠯᠡᠭᠦᠯᠪᠡ᠃ | ᠡᠬᠦᠨ ᠠᠴᠠ ᠭᠠᠳᠠᠨ᠎ᠠ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠠᠷᠠᠳᠴᠢᠯᠠᠯ ᠬᠠᠣᠯᠢ ᠲᠦᠷᠢᠮ᠂ ᠦᠨᠳᠣᠰᠣᠲᠡᠨ ᠱᠠᠰᠢᠨ ᠰᠣᠷᠲᠠᠬᠤᠨ | ᠂ ᠲᠤᠭ᠎ᠠ ᠪᠦᠷᠢᠳᠭᠡᠯ᠂ ᠲᠠᠩᠰᠠ ᠡᠪᠬᠡᠮᠡᠯ᠂ ᠠᠷᠠᠳ ᠤᠨ ᠠᠭᠠᠷ ᠰᠡᠷᠬᠡᠶᠢᠯᠡᠯᠲᠡ᠂ ᠴᠠᠭ ᠠᠭᠤᠷ᠂ ᠡᠮᠡᠭᠲᠡᠶᠢᠴᠣᠳ ᠬᠡᠣᠬᠡᠳ᠂ ᠨᠠᠰᠣᠲᠠᠶᠢᠴᠣᠳ ᠤᠨ ᠦᠢᠯᠡᠰ ᠵᠡᠷᠬᠡ | ᠠᠵᠢᠯ ᠴᠦᠮ ᠢᠯᠡᠷᠬᠡᠢ ᠲᠠᠪᠰᠢᠯᠲᠠ ᠲᠠᠢ ᠪᠣᠯᠪᠠ᠃ | ᠲᠦᠯᠦᠭᠡᠯᠡᠭᠴᠢᠳ ᠡ᠂ 2017 ᠣᠨ ᠢ ᠡᠷᠬᠢᠴᠡᠭᠦᠯᠬᠦ ᠳᠤ᠂ ᠪᠢᠳᠠᠨ ᠤ ᠭᠦᠨᠵᠡᠭᠡᠢ ᠲᠦᠷᠦᠭᠳᠡᠯ ᠪᠣᠯ᠄ ᠵᠠᠰᠠᠭ ᠤᠨ ᠣᠷᠳᠣᠨ ᠤ ᠠᠵᠢᠯ ᠤᠨ ᠲᠠᠪᠰᠢᠯᠳᠠ | ᠠᠮᠵᠢᠯᠳᠠ ᠪᠦᠬᠦᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢᠨ ᠡᠵᠡᠮᠳᠡᠯ᠂ ᠡᠷᠴᠢᠳᠦ | ᠣᠳᠣᠷᠢᠳᠣᠯᠭ᠎ᠠ ᠠᠴᠠ ᠰᠠᠯᠣᠰᠢ ᠦᠭᠡᠢ ᠶᠣᠮ︔ ᠬᠤᠰᠢᠭᠤᠨ ᠤ ᠲᠦᠷᠪᠡᠨ ᠪᠠᠭ ᠤᠨ ᠰᠡᠳᠬᠢᠯ ᠨᠢᠭᠡᠳᠢ ᠪᠦᠯᠬᠦᠮᠳᠡᠯ ᠴᠢᠷᠮᠠᠶᠢᠯᠭ᠎ᠠ ᠠᠴᠠ ᠵᠠᠶᠢᠳᠠᠰᠢ ᠦᠭᠡᠢ ᠶᠣᠮ︔ | ᠪᠦᠬᠦ ᠬᠤᠰᠢᠭᠤᠨ ᠤ ᠨᠡᠶᠢᠳᠡ ᠣᠯᠠᠨ ᠤ ᠢᠳᠡᠭᠡᠯ ᠨᠢᠭᠳᠠᠷᠠᠯ ᠠᠴᠠ ᠰᠠᠯᠣᠰᠢ ᠦᠭᠡᠢ ᠶᠣᠮ︔ ᠡᠯ᠎ᠡ ᠲᠠᠯ᠎ᠠ ᠶᠢᠨ ᠬᠢᠨ ᠤ ᠬᠠᠯᠠᠮᠵᠢ ᠲᠡᠮᠵᠢᠯᠡᠭᠡ ᠣᠷᠣᠯᠴᠠᠯᠭ᠎ᠠ ᠲᠠᠢ | ᠨᠢᠭᠳᠠ ᠬᠤᠯᠪᠣᠭ᠎ᠠ ᠲᠠᠢ ᠶᠣᠮ᠃ ᠠᠳᠠ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠡᠯ᠎ᠡ ᠹᠷᠣᠨᠲ ᠡᠯ᠎ᠡ ᠠᠵᠢᠯ ᠪᠠᠶᠢᠷᠢᠨ ᠳᠤ | ᠭᠠᠪᠰᠢᠭᠠᠶᠢᠯᠠᠵᠣ ᠪᠦᠬᠦᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠣᠯᠠᠨ ᠲᠦᠮᠡᠨ᠂ ᠠᠷᠠᠳᠴᠢᠯᠠᠭᠰᠠᠨ ᠨᠠᠮ ᠪᠦᠯᠦᠭ ᠤᠨ ᠬᠢᠨ᠂ ᠦᠢᠯᠡᠳᠪᠣᠷᠢ | ᠬᠤᠳᠠᠯᠳᠣᠭᠠᠨ ᠤ ᠬᠤᠯᠪᠣᠭ᠎ᠠ᠂ ᠨᠠᠮ ᠤᠨ ᠪᠣᠰᠣ ᠬᠦᠮᠦᠰ ᠪᠣᠯᠣᠨ ᠠᠷᠠᠳ ᠤᠨ ᠪᠦᠯᠬᠦᠮ᠂ ᠤᠲᠤᠭ ᠤᠨ ᠡᠮᠤᠨᠡᠲᠤ ᠬᠤᠰᠢᠭᠤᠨ ᠤ ᠬᠦᠭᠵᠢᠯᠲᠡ ᠶᠢ ᠬᠠᠯᠠᠮᠵᠢᠯᠠᠨ | ᠲᠡᠮᠵᠢᠭᠰᠡᠭᠡᠷ ᠢᠷᠡᠭᠰᠡᠨ ᠨᠠᠶᠢᠵᠠ ᠨᠦᠬᠦᠳ ᠲᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ ᠪᠠᠶᠢᠨ᠎ᠠ︕ | ᠬᠦᠭᠵᠢᠨ ᠲᠡᠭᠵᠢᠷᠡᠭᠦ ᠳᠤ ᠬᠦᠴᠢᠷ ᠪᠡᠷᠭᠡ ᠶᠢ ᠮᠠᠷᠳᠠᠵᠣ ᠪᠣᠯᠬᠤ ᠦᠭᠡᠢ᠂ ᠪᠢᠳᠡ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠲᠣᠮᠳᠠ | ᠪᠠᠰᠠ ᠴᠦᠭᠡᠨ ᠪᠣᠰᠣ ᠬᠦᠴᠢᠷᠳᠡᠯ ᠪᠠ ᠠᠰᠠᠭᠤᠳᠠᠯ ᠣᠷᠣᠰᠢᠵᠣ ᠪᠠᠶᠢᠭ᠎ᠠ ᠶᠢ ᠰᠠᠷᠭᠡᠭ ᠢᠶᠠᠷ ᠲᠠᠨᠢᠬᠤ ᠬᠡᠷᠡᠭᠳᠡᠢ᠃ ᠴᠠᠬᠢᠯᠭᠠᠨ ᠣᠶᠢᠯᠠᠳᠪᠦᠷᠢ ᠶᠢᠨ ᠪᠠᠶᠢᠭᠤᠯᠣᠯᠳᠠ | ᠶᠢᠨ ᠠᠬᠢᠴᠠ ᠴᠠᠬᠢᠯᠭᠠᠨ ᠲᠠᠮᠵᠢᠭᠤᠯᠬᠤ ᠱᠣᠭᠤᠮ ᠠᠴᠠ ᠬᠤᠴᠣᠷᠠᠵᠣ᠂ ︽ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ ᠮᠠᠯᠵᠢᠬᠤ ᠲᠠᠷᠢᠶᠠᠯᠠᠬᠤ ᠣᠷᠣᠨ᠂ | ᠪᠣᠯᠪᠠᠰᠣᠷᠠᠯ ᠰᠠᠶᠢᠲᠠᠢ ᠮᠠᠯᠴᠢᠨ ᠲᠠᠷᠢᠶᠠᠴᠢᠨ︾ ᠤ ᠢᠨᠵᠧᠨᠧᠷᠢᠩ ᠨᠡᠩ ᠠᠷᠪᠢᠨ ᠣᠶᠢᠯᠡᠳᠦᠯᠭᠡ ᠶᠢᠨ ᠦᠷ᠎ᠡ ᠪᠦᠳᠦᠭᠡᠯ ᠪᠦᠷᠢᠯᠳᠦᠭᠦᠯᠦᠭᠡᠳᠦᠢ᠂ ᠪᠦᠬᠦ ᠴᠠᠷᠠᠭᠠᠨ ᠤ | ᠵᠢᠭᠤᠯᠴᠢᠯᠠᠯ ᠡᠬᠢᠯᠡᠯᠳᠡ ᠶᠢᠨ ᠱᠠᠳᠣᠨ ᠳᠤ ᠪᠠᠨ ᠪᠠᠶᠢᠵᠣ᠂ ᠴᠢᠨᠠᠷᠯᠢᠭ ᠬᠦᠭᠵᠢᠯᠳᠡ ᠲᠠᠢ ᠠᠵᠣ ᠣᠶᠢᠯᠠᠰ ᠤᠨ ᠰᠢᠰᠲ᠋ᠧᠮ ᠢ ᠪᠦᠷᠢᠯᠳᠦᠭᠦᠯᠬᠦ ᠡᠭᠦᠷᠭᠡ ᠬᠦᠨᠳᠦ ᠪᠣᠢ︔ | ᠬᠤᠳᠠ ᠬᠦᠳᠡᠭᠡ ᠶᠢᠨ ᠴᠢᠳᠠᠪᠬᠢᠳᠦ ᠪᠠᠶᠢᠷᠢᠯᠠᠭᠤᠯᠣᠯᠳᠠ ᠪᠣᠯᠣᠨ ᠣᠷᠣᠰᠢᠨ ᠰᠠᠭᠤᠬᠤ ᠣᠷᠴᠢᠨ ᠰᠢᠯᠢᠳᠡᠭᠵᠢᠭᠡᠳᠦᠢ᠂ ᠨᠡᠶᠢᠳᠡ ᠶᠢᠨ ᠣᠶᠢᠯᠡᠴᠢᠯᠡᠭᠡᠨ ᠤ ᠨᠠᠷᠢᠯᠢᠭ | ᠣᠨᠣᠪᠴᠢ ᠶᠢᠨ ᠲᠦᠪᠰᠢᠨ ᠬᠢᠬᠡᠳ ᠠᠷᠠᠳ ᠤᠨ ᠠᠮᠢᠳᠣᠷᠠᠯ ᠤᠨ ᠣᠯᠠᠨ ᠶᠠᠩᠵᠣᠴᠢᠯᠠᠭᠰᠠᠨ ᠬᠡᠷᠡᠭᠴᠡᠭᠡ ᠬᠠᠷᠠᠬᠠᠨ ᠵᠦᠷᠢᠶ᠎ᠡ ᠲᠠᠢ ᠪᠠᠶᠢᠭᠰᠠᠭᠠᠷ︔ ᠴᠦᠭᠡᠪᠳᠦᠷ | ᠠᠯᠪᠠᠳᠠᠳ ᠬᠠᠷᠢᠭᠤᠴᠠᠯᠭ᠎ᠠ ᠣᠬᠠᠮᠰᠠᠷ ᠲᠣᠷᠣᠢ᠂ ᠣᠶᠢᠯᠠᠰ ᠪᠦᠳᠦᠭᠡᠬᠦ ᠡᠷᠴᠢ ᠬᠦᠴᠦᠨ ᠲᠣᠳᠠᠮᠠᠭ ᠪᠠᠶᠢᠭᠰᠠᠭᠠᠷ᠃ ᠡᠳᠡᠭᠡᠷ ᠠᠰᠠᠭᠤᠳᠠᠯ ᠢ ᠪᠢᠲᠠ ᠨᠠᠮ᠂ ᠠᠷᠠᠳ | ᠲᠦᠮᠡᠨ ᠪᠤᠯᠤᠨ ᠣᠳᠤᠭ ᠤᠨ ᠡᠮᠦᠨᠡᠳᠦ ᠬᠤᠰᠢᠭᠤᠨ ᠤ ᠬᠦᠭᠵᠢᠯᠳᠡ ᠳᠤ ᠬᠠᠨᠳᠣᠬᠤ ᠣᠪᠦᠷ ᠢᠶᠠᠷ ᠬᠦᠴᠦᠨ ᠢᠶᠠᠨ ᠲᠦᠪᠯᠡᠷᠡᠭᠦᠯᠦᠨ ᠰᠢᠢᠳᠪᠣᠷᠢᠯᠡᠵᠣ᠂ ᠬᠤᠶᠢᠰᠢᠳᠠ | ᠶᠢᠨ ᠠᠵᠢᠯ ᠢᠶᠠᠨ ᠪᠦᠬᠦ ᠬᠦᠴᠦᠨ ᠢᠶᠠᠷ ᠰᠠᠶᠢᠳᠦᠷ ᠬᠢᠨ᠎ᠠ᠃ | ᠬᠤᠶᠠᠷ᠂ 2018 ᠣᠨ ᠤ ᠠᠵᠢᠯ ᠤᠨ ᠲᠣᠬᠢᠷᠠᠭᠤᠯᠭ᠎ᠠ | ᠦᠨᠤ ᠵᠢᠯ ᠪᠣᠯ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠦᠷᠢᠵᠢᠭᠤᠯᠬᠤ ᠡᠬᠢᠯᠡᠯᠳᠡ ᠶᠢᠨ ᠵᠢᠯ᠂ ᠮᠦᠨ | ᠴᠣ᠋ ᠰᠢᠨ᠎ᠡ ᠡᠬᠡᠯᠵᠢ ᠶᠢᠨ ᠵᠠᠰᠠᠭ ᠤᠨ ᠣᠷᠳᠣᠨ ᠤ ᠠᠵᠢᠯ ᠢᠶᠠᠨ ᠡᠬᠢᠯᠡᠭᠦᠯᠬᠦ ᠵᠢᠯ ᠪᠣᠯᠣᠨ᠎ᠠ᠂ ᠨᠡᠩ ᠴᠤ ᠮᠠᠨ ᠤ ᠬᠤᠰᠢᠭᠤᠨ ᠤ ᠬᠦᠭᠵᠢᠯᠳᠡ ᠶᠢᠨ ᠰᠠᠭᠤᠷᠢ ᠪᠠᠨ | ᠲᠣᠭᠳᠠᠪᠦᠷᠢᠵᠢᠭᠤᠯᠣᠨ᠂ ᠬᠦᠭᠵᠢᠯᠳᠡ ᠶᠢᠨ ᠶᠠᠰᠣ ᠴᠢᠨᠠᠷ ᠢᠶᠠᠨ ᠲᠡᠭᠡᠭᠰᠢᠯᠡᠭᠦᠯᠬᠦ ᠵᠠᠩᠬᠢᠯᠠᠭ᠎ᠠ ᠶᠢᠨ ᠵᠢᠯ ᠪᠣᠯᠣᠨ᠎ᠠ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ | ᠢᠶᠠᠨ ᠰᠠᠶᠢᠳᠦᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠣᠮ᠃ | ᠲᠦᠯᠦᠭᠡᠯᠡᠭᠴᠢᠳ ᠡ᠂ ᠶᠡᠷᠦᠩᠬᠡᠢ ᠱᠦᠵᠢ ᠰᠢ ᠶᠢᠨ ᠫᠢᠩ ᠪᠦᠬᠦ ᠣᠯᠣᠰ ᠤᠨ ︽ᠬᠤᠶᠠᠷ ᠬᠤᠷᠠᠯ︾ ᠤᠨ ᠦᠪᠦᠷ ᠮᠣᠩᠭᠤᠯ ᠤᠨ ᠲᠦᠯᠦᠭᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠬᠤᠷᠠᠯ ᠳᠤ ᠣᠷᠣᠯᠴᠠᠬᠤ ᠳᠤ ᠪᠠᠨ᠂ ᠵᠣᠷᠢᠭ ᠢᠶᠠᠨ ᠬᠦᠪᠴᠢᠯᠡᠨ ᠰᠢᠨ᠎ᠡ ᠶᠢ ᠡᠭᠦᠳᠴᠦ᠂ ᠰᠢᠷᠭᠠᠭᠤ ᠬᠠᠳᠠᠭᠤᠵᠢᠯᠳᠠᠢ ᠠᠵᠢᠯᠯᠠᠵᠣ᠂ | ᠪᠠᠳᠤᠯᠠᠵᠤ ᠰᠠᠬᠢᠨ ᠬᠠᠷᠢᠯᠴᠠᠨ ᠬᠠᠮᠵᠢᠯᠴᠠᠵᠣ᠂ ᠪᠦᠯᠬᠦᠮᠳᠡᠨ ᠲᠡᠮᠡᠴᠡᠵᠥ᠂ ᠠᠵᠣ ᠠᠬᠤᠢ ᠶᠢᠨ ᠴᠢᠨᠠᠷ ᠰᠠᠶᠢᠳᠠᠢ ᠬᠦᠭᠵᠢᠯᠳᠡ᠂ ᠶᠠᠳᠠᠭᠤ ᠠᠴᠠ ᠠᠩᠬᠢᠵᠢᠷᠠᠭᠤᠯᠬᠤ | ᠠᠵᠢᠯ᠂ ᠦᠨᠳᠦᠰᠦᠳᠡᠨ ᠤ ᠪᠦᠯᠬᠦᠮᠳᠡᠯ ᠪᠡ ᠬᠢᠯᠢ ᠬᠢᠵᠠᠭᠠᠷ ᠤᠨ ᠠᠮᠣᠷ ᠲᠣᠭᠳᠠᠭᠤᠨ ᠢ ᠯᠠᠪᠳᠠᠭᠤᠨ ᠪᠠᠳᠣᠳᠠᠢ ᠠᠬᠢᠭᠤᠯᠵᠣ᠂ ᠡᠬᠡ ᠣᠯᠣᠰ ᠤᠨ ᠣᠮᠠᠷᠠᠳᠦ ᠬᠢᠯᠢ | ᠶᠢ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠬᠡᠷᠡᠭᠳᠡᠢ ᠭᠡᠵᠣ ᠴᠢᠬᠤᠯᠠᠴᠢᠯᠠᠪᠠ᠃ ᠡᠨᠡ ᠪᠣᠯ ᠶᠡᠷᠦᠩᠬᠡᠢ ᠱᠦᠵᠢ 2014 ᠣᠨ ᠳᠤ ᠦᠪᠦᠷ | ᠮᠣᠩᠭᠤᠯ ᠳᠤ ᠰᠢᠨᠵᠢᠯᠡᠨ ᠪᠠᠶᠢᠴᠠᠭᠠᠭᠰᠠᠨ ᠤ ᠲᠠᠷᠠᠭᠠᠬᠢ ᠲᠠᠬᠢᠨ ᠣᠳᠠᠭ᠎ᠠ ᠪᠢᠳᠠᠨ ᠤ ᠬᠤᠶᠢᠰᠢᠳᠠ ᠶᠢᠨ ᠬᠦᠭᠵᠢᠯᠳᠡ ᠳᠤ ᠲᠣᠭᠳᠠᠭᠠᠵᠣ ᠦᠭᠭᠦᠭᠰᠡᠨ ᠠᠵᠢᠯᠯᠠᠭᠠᠨ ᠤ | ᠬᠦᠳᠦᠯᠪᠦᠷᠢ ᠪᠣᠯᠣᠨ᠎ᠠ᠃ ᠣᠳᠣᠬᠠᠨ ᠳᠤ ᠮᠠᠨ ᠤ ᠣᠯᠣᠰ ᠤᠨ ᠠᠵᠣ ᠠᠬᠤᠢ ᠨᠢᠭᠡᠨᠳᠡ ᠦᠨᠳᠦᠷ ᠬᠤᠷᠳᠣᠴᠠᠳᠦ ᠨᠡᠮᠡᠭᠳᠡᠯ ᠤᠨ ᠱᠠᠳᠣᠨ ᠠᠴᠠ ᠪᠠᠨ ᠴᠢᠨᠠᠷ ᠰᠠᠶᠢᠳᠠᠢ | ᠬᠦᠭᠵᠢᠯᠳᠡ ᠶᠢᠨ ᠱᠠᠳᠦ ᠲᠡᠰᠢ ᠰᠢᠯᠵᠢᠵᠣ᠂ ᠡᠬᠢ ᠰᠣᠷᠪᠣᠯᠵᠢ ᠳᠤ ᠲᠦᠰᠢᠭᠯᠡᠬᠦ ᠬᠦᠭᠵᠢᠯᠳᠡ ᠦᠷᠬᠦᠯᠵᠢᠯᠡᠬᠦ ᠳᠤ ᠪᠡᠷᠬᠡ ᠪᠣᠯᠣᠭᠰᠠ ᠢ ᠪᠢᠳᠠ ᠣᠯᠵᠣ ᠬᠠᠷᠠᠬᠤ | ᠬᠡᠷᠡᠭᠳᠡᠢ᠃ ᠬᠡᠷᠪᠡ ᠪᠢᠳᠠᠨ ᠤ ᠰᠡᠳᠬᠢᠭᠦᠢ᠂ ᠬᠦᠭᠵᠢᠯᠳᠡ ᠶᠢᠨ ᠬᠡᠯᠪᠡᠷᠢ ᠦᠩᠭᠡᠷᠡᠭᠰᠡᠨ ᠤ ᠬᠠᠭᠤᠴᠢᠨ ᠠᠷᠭ᠎ᠠ ᠵᠠᠮ ᠲᠡᠭᠡᠷ᠎ᠡ ᠵᠣᠭᠰᠣᠩᠭᠤᠶᠢᠷᠠᠪᠠᠯ ᠭᠠᠷᠬᠤ ᠵᠠᠮ | ᠦᠭᠡᠢ ᠮᠦᠷᠳᠡᠭᠡᠨ ᠠᠵᠠ ᠲᠣᠬᠢᠶᠠᠯ ᠢ ᠴᠣ᠋ ᠠᠯᠳᠠᠨ᠎ᠠ᠃ ᠪᠢᠳᠠ ᠵᠦᠪᠬᠡᠨ ᠬᠡᠯᠪᠡᠷᠢ ᠪᠠᠨ ᠬᠤᠪᠢᠷᠠᠭᠤᠯᠬᠤ ᠬᠦᠭᠵᠢᠯᠳᠡ ᠶᠢᠨ ᠡᠭᠦᠳᠡᠨ ᠠᠴᠠ ᠣᠳᠤᠭ ᠤᠨ ᠡᠮᠦᠨᠡᠳᠦ | ᠬᠤᠰᠢᠭᠤᠨ ᠤ ᠠᠵᠣ ᠠᠬᠤᠢ ᠪᠠᠨ ᠬᠦᠭᠵᠢᠭᠦᠯᠵᠣ᠂ ᠭᠤᠣᠯᠳᠠᠯᠭ᠎ᠠ ᠪᠠᠨ ᠠᠵᠣ ᠣᠶᠢᠯᠠᠰ ᠤᠨ ᠪᠦᠳᠦᠴᠠ ᠶᠢ ᠬᠤᠪᠢᠷᠠᠭᠤᠯᠣᠨ ᠲᠡᠰ ᠲᠠᠪᠰᠢᠭᠤᠯᠬᠤ ᠲᠡᠭᠡᠷ᠎ᠡ | ᠲᠠᠯᠪᠢᠵᠣ᠂ ᠰᠢᠨ᠎ᠠ ᠠᠵᠣ ᠣᠶᠢᠯᠠᠰ᠂ ᠰᠢᠨ᠎ᠡ ᠬᠦᠳᠡᠯᠭᠡᠭᠴᠢ ᠬᠦᠴᠦᠨ᠂ ᠰᠢᠨ᠎ᠡ ᠨᠡᠮᠡᠭᠳᠡᠯ ᠤᠨ ᠲᠣᠶᠢᠯ ᠢ ᠶᠡᠭᠡ ᠪᠠᠷ ᠪᠣᠶᠢᠵᠢᠭᠤᠯᠪᠠᠯ ᠰᠠᠶ᠋ᠢ ᠶᠡᠷᠦᠩᠬᠡᠢ ᠬᠡᠮᠵᠢᠶᠡᠨ ᠤ | ᠨᠡᠮᠡᠭᠳᠡᠯ ᠲᠣᠮᠳᠠ ᠶᠠᠰᠦ ᠴᠢᠨᠠᠷ ᠢᠶᠠᠨ ᠲᠡᠭᠡᠭᠰᠢᠯᠡᠭᠦᠯᠵᠣ᠂ ︽ᠬᠡᠮᠵᠢᠶᠡᠨ ᠤ ᠲᠣᠳᠠᠭᠳᠠᠯ︾ ᠠᠴᠠ ︽ᠴᠢᠨᠠᠷ ᠢᠶᠠᠷ ᠭᠦᠢᠴᠡᠬᠦ︾ ᠲᠡᠰᠢᠬᠢ ᠲᠠᠪᠠᠯᠳᠠ ᠶᠢ ᠪᠡᠶᠡᠯᠡᠭᠦᠯᠵᠣ | ᠴᠢᠳᠠᠨ᠎ᠠ᠃ ᠡᠬᠦᠨ ᠤ ᠬᠠᠮᠳᠦ ᠳᠤ ᠨᠢ᠂ ᠣᠶᠢᠷ᠎ᠠ ᠵᠢᠯ ᠳᠤ ᠪᠢᠳᠠ ᠢᠮᠠᠭᠳᠠ ᠲᠦᠷᠦᠯ ᠵᠣᠶᠢᠯ ᠢ ᠠᠳᠬᠤᠨ᠂ ᠪᠡᠯᠡ ᠣᠷᠣᠭᠤᠯᠣᠯᠳᠠ ᠶᠢ ᠦᠷᠭᠡᠳᠬᠡᠵᠣ᠂ ᠨᠢᠭᠡ | ᠪᠦᠯᠦᠭ ᠴᠢᠬᠤᠯᠠ ᠶᠡᠭᠡ ᠲᠦᠷᠦᠯ ᠵᠣᠶᠢᠯ ᠢ ᠵᠠᠯᠭᠠᠪᠠᠷ ᠣᠷᠣᠨᠵᠢᠭᠤᠯᠣᠨ ᠪᠠᠶᠢᠭᠤᠯᠵᠣ᠂ ᠬᠦᠭᠵᠢᠯᠳᠡ ᠶᠢᠨ ᠬᠦᠳᠡᠯᠭᠡᠭᠴᠢ ᠬᠦᠴᠦᠨ ᠢ ᠨᠡᠮᠡᠭᠳᠡᠭᠦᠯᠦᠨ᠂ ᠭᠤᠷᠪᠠᠨ | ᠠᠵᠣ ᠣᠶᠢᠯᠠᠰ ᠤᠨ ᠪᠦᠳᠦᠴᠡ ᠡᠳᠦᠷ ᠢᠷᠡᠭᠦᠶ᠎ᠡ ᠵᠦᠢ ᠵᠣᠬᠢᠰᠳᠠᠢ ᠪᠣᠯᠵᠣ ᠰᠠᠭᠤᠷᠢ ᠪᠠᠳᠣᠯᠠᠭ᠎ᠠ ᠶᠢᠨ ᠴᠢᠳᠠᠪᠦᠷᠢ ᠪᠦᠳᠦᠮᠵᠢᠳᠠᠢ ᠴᠢᠩᠭᠠᠷᠠᠭᠰᠠᠨ ᠢᠶᠠᠨ ᠣᠯᠵᠣ | ᠲᠠᠨᠢᠨ᠂ ᠲᠠᠳᠬᠠᠯ ᠰᠡᠳᠬᠢᠭᠦᠢ ᠪᠣᠯᠣᠨ ᠲᠦᠰᠢᠭᠯᠡᠬᠦ ᠦᠵᠡᠯ ᠢᠶᠠᠨ ᠲᠡᠪᠴᠢᠵᠣ᠂ ᠦᠵᠡᠯᠳᠡ ᠪᠠᠨ ᠰᠡᠳᠬᠢᠮᠵᠢ ᠪᠣᠯᠭᠠᠨ᠂ ᠰᠡᠳᠬᠢᠮᠵᠢ ᠪᠠᠨ ᠠᠵᠢᠯᠯᠠᠭ᠎ᠠ ᠪᠣᠯᠭᠠᠵᠣ᠂ | ᠣᠶᠢᠯᠠ ᠠᠵᠢᠯᠯᠠᠭ᠎ᠠ ᠪᠠᠷ ᠢᠶᠠᠨ ᠲᠦᠷᠦᠯ ᠵᠣᠶᠢᠯ ᠢ ᠣᠷᠣᠨᠵᠢᠭᠤᠯᠣᠨ᠂ ᠲᠦᠷᠦᠯ ᠵᠣᠶᠢᠯ ᠢᠶᠠᠨ ᠢᠨᠵᠧᠨᠧᠷᠢᠩ ᠪᠣᠯᠭᠠᠨ ᠪᠠᠶᠢᠭᠤᠯᠪᠠᠯ ᠣᠳᠤᠭ ᠤᠨ ᠡᠮᠦᠨᠡᠳᠦ | ᠬᠤᠰᠢᠭᠤᠨ ᠤ ᠪᠠᠨ ᠨᠠᠩ ᠴᠢᠨᠠᠷᠯᠢᠭ᠂ ᠨᠡᠩ ᠪᠦᠳᠦᠮᠵᠢᠳᠡᠢ᠂ ᠨᠡᠩ ᠡᠷᠬᠡ ᠲᠡᠭᠰᠢ᠂ ᠨᠡᠩ ᠦᠷᠭᠦᠯᠵᠢᠭᠦᠶᠢᠴᠡ ᠬᠦᠭᠵᠢᠯᠳᠡ ᠶᠢ ᠪᠡᠶᠡᠯᠡᠭᠦᠯᠵᠣ᠂ ᠶᠡᠷᠦᠩᠬᠡᠢ ᠱᠦᠵᠢ | ᠰᠢ ᠶᠢᠨ ᠫᠢᠩ ᠵᠢᠭᠠᠪᠦᠷᠢ ᠱᠠᠭᠠᠷᠳᠠᠯᠭ᠎ᠠ ᠶᠢ ᠦᠭᠭᠢᠶᠡᠮᠦᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠲᠤ ᠦᠨᠳᠦᠰᠦᠯᠡᠭᠦᠯᠵᠣ | ᠴᠢᠳᠠᠬᠤ ᠶᠣᠮ᠃ | ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠡᠶᠢᠳᠠᠪᠦᠷᠢᠵᠢᠭᠤᠯᠣᠨ ᠲᠣᠣᠱᠯᠠᠭᠤᠯᠵᠣ᠂ ᠬᠤᠰᠢᠭᠤ ᠨᠠᠮ ᠤᠨ ᠬᠤᠷᠢᠶᠠᠨ | ᠤ ᠶᠢᠰᠦᠳᠦᠭᠡᠷ ᠬᠤᠭᠤᠴᠠᠭᠠᠨ ᠤ ᠨᠠᠢᠮᠠᠳᠣᠭᠠᠷ ᠣᠳᠠᠭ᠎ᠠ ᠶᠢᠨ ᠪᠦᠬᠦᠳᠡ ᠬᠤᠷᠠᠯ ᠪᠣᠯᠣᠨ ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠣᠯᠣᠭᠡᠯᠡᠭᠴᠢᠳ | ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠣᠭᠠᠨ ᠤ ᠪᠠᠶᠢᠷᠢᠯᠠᠭᠤᠯᠣᠯᠳᠠ ᠱᠠᠭᠠᠷᠳᠠᠯᠭ᠎ᠠ ᠶᠣᠰᠣᠭᠠᠷ ᠲᠣᠭᠳᠠᠭᠠᠭᠰᠠᠨ 2018 ᠣᠨ ᠤ ᠵᠠᠰᠠᠭ ᠤᠨ ᠣᠷᠳᠣᠨ ᠤ | ᠠᠵᠢᠯ ᠤᠨ ᠶᠡᠷᠦᠩᠬᠡᠢ ᠰᠡᠳᠬᠢᠮᠵᠢ ᠪᠣᠯ᠄ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠣ ᠣᠯᠣᠰ ᠤᠨ ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ︽ᠲᠠᠪᠤ ᠶᠢ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠪᠣᠯᠣᠨ ︽ᠲᠦᠷᠪᠠᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠰᠢᠰᠲ᠋ᠧᠮ | ᠲᠠᠢ ᠠᠬᠢᠭᠤᠯᠵᠣ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠴᠢᠨᠠᠷᠯᠢᠭ ᠬᠦᠭᠵᠢᠯᠳᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠣ᠂ ᠭᠤᠷᠪᠠᠨ | ᠶᠡᠭᠡ ᠰᠢᠪᠳᠣᠯᠣᠯᠳᠠ ᠶᠢᠨ ᠠᠵᠢᠯ ᠢ ᠠᠳᠬᠤᠨ ᠬᠤᠷᠢᠭ᠎ᠠ ᠱᠣᠭᠤᠮ ᠢ ᠰᠠᠬᠢᠵᠣ᠂ ᠲᠦᠷᠦᠯ ᠵᠣᠶᠢᠯ ᠤᠨ ᠪᠠᠶᠢᠭᠤᠯᠣᠯᠳᠠ ᠶᠢ ᠠᠳᠬᠤᠨ ᠨᠦᠭᠡᠴᠡ ᠬᠦᠴᠦᠨ | ᠨᠡᠮᠡᠭᠳᠡᠭᠦᠯᠵᠣ᠂ ᠠᠵᠣ ᠣᠶᠢᠯᠠᠰ ᠤᠨ ᠲᠡᠰᠵᠢᠯ ᠢ ᠠᠳᠬᠤᠨ ᠲᠠᠪᠠᠭᠤᠯᠢᠭ ᠢᠶᠠᠨ ᠬᠦᠴᠦᠷᠭᠡᠭᠵᠢᠭᠦᠯᠵᠣ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠶᠢ ᠠᠳᠬᠤᠨ | ᠠᠮᠢᠳᠣᠯᠢᠭ ᠬᠦᠴᠦᠨ ᠢᠶᠠᠨ ᠣᠷᠠᠮᠰᠢᠭᠤᠯᠵᠣ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠠᠳᠬᠤᠨ ᠡᠶ᠎ᠡ ᠵᠣᠬᠢᠴᠠᠯ ᠢ ᠠᠬᠢᠭᠤᠯᠵᠣ᠂ ᠰᠢᠨ᠎ᠡ ᠴᠠᠭ ᠦᠶ᠎ᠡ ᠶᠢᠨ | ᠰᠢᠨ᠎ᠠ ᠪᠠᠶᠢᠳᠠᠯ ᠰᠢᠨ᠎ᠡ ᠠᠵᠢᠯᠯᠠᠭ᠎ᠠ ᠪᠠᠷ ᠢᠶᠠᠨ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ ᠵᠢᠷᠣᠮ ᠰᠠᠶᠢᠨ᠂ | ᠬᠡᠪ ᠰᠣᠷᠳᠠᠯ ᠲᠦᠪ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠴᠣᠭᠴᠠᠯᠠᠬᠤ ᠶᠠᠪᠣᠳᠠᠯ ᠪᠣᠯᠣᠨ᠎ᠠ᠃ | ᠥᠨᠥ ᠵᠢᠯ ᠤᠨ ᠭᠤᠤᠯ ᠪᠤᠯᠬᠤ ᠵᠢᠱᠢᠭᠰᠡᠨ ᠬᠠᠷᠠᠯᠳᠠ ᠶᠢ ᠲᠤᠭᠳᠠᠭᠠᠪᠠᠯ᠄ ᠪᠥᠭᠦ ᠬᠤᠰᠢᠭᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠬᠡᠢ ᠥᠷᠳᠡᠭ | ᠢ 7% ᠥᠰᠭᠡᠵᠥ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠭᠥᠮᠥᠨ ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ 7.5% ᠪᠤᠯᠤᠨ 8% | ᠥᠰᠭᠡᠵᠥ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 3% ᠲᠣᠳᠣᠷ᠎ᠠ ᠬᠢᠵᠠᠭᠠᠷᠯᠠᠵᠣ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷᠲᠠᠢ ᠦᠭᠡᠷᠡᠴᠢᠯᠡᠯᠲᠡ ᠶᠢᠨ ᠪᠣᠳᠠᠳᠦ ᠠᠮᠵᠢᠯᠳᠠ ᠣᠯᠵᠣ᠂ ᠡᠨᠧᠷᠬᠢ ᠠᠷᠪᠢᠯᠠᠨ ᠪᠣᠬᠢᠷᠳᠣᠯ ᠪᠠᠭᠠᠰᠬᠠᠬᠤ ᠬᠠᠷᠠᠯᠳᠠ ᠡᠭᠦᠷᠭᠡ ᠪᠠᠨ ᠪᠡᠶᠡᠯᠡᠭᠦᠯᠦᠨ᠂ ᠡᠳ᠋ ᠤᠨ | ᠵᠠᠰᠠᠭ ᠮᠦᠩᠭᠦᠨ ᠭᠦᠢᠯᠭᠡᠭᠡᠨ ᠤ ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠵᠣ᠂ ᠵᠢᠯ ᠤᠨ ᠦᠷᠢ ᠦᠭᠴᠡᠭᠡ ᠰᠢᠢᠳᠪᠣᠷᠢᠯᠡᠬᠦ ᠡᠭᠦᠷᠭᠡ ᠪᠠᠨ ᠪᠡᠶᠡᠯᠡᠭᠦᠯᠦᠨ᠎ᠡ᠃ | ᠲᠡᠭᠡᠷᠡᠬᠢ ᠬᠠᠷᠠᠯᠳᠠ ᠶᠢ ᠪᠡᠶᠡᠯᠡᠭᠦᠯᠬᠦ ᠳᠤ ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠦᠷ ᠬᠢᠬᠦ ᠬᠡᠷᠡᠭᠳᠡᠢ᠄ | ︵ᠨᠢᠭᠡ︶ ᠬᠤᠷᠢᠭ᠎ᠠ ᠱᠤᠭᠤᠮ ᠤᠨ ᠤᠬᠠᠮᠰᠠᠷ ᠢᠶᠠᠨ ᠪᠠᠬᠢᠵᠡᠬᠦᠯᠵᠣ᠂ ᠭᠤᠷᠪᠠᠨ ᠶᠡᠭᠡ ᠰᠢᠪᠲᠣᠯᠣᠯᠲᠠ ᠶᠢᠨ ᠠᠵᠢᠯ ᠢ ᠰᠠᠶᠢᠲᠣᠷ ᠬᠢᠨ᠎ᠡ᠃ ᠵᠢᠯ ᠤᠨ ᠰᠢᠪᠲᠣᠯᠣᠯᠲᠠ | ᠶᠢᠨ ᠡᠭᠦᠷᠭᠡ ᠶᠢᠨ ᠲᠣᠭᠤᠷᠢᠨ ᠳᠤ ᠨᠡᠩ ᠪᠣᠳᠠᠲᠠᠢ ᠨᠡᠶᠢᠴᠠᠪᠣᠷᠢᠲᠠᠢ ᠪᠠᠲᠣᠯᠠᠭ᠎ᠠ ᠶᠢᠨ ᠪᠣᠳᠣᠯᠭ᠎ᠠ ᠪᠣᠯᠣᠨ ᠠᠵᠢᠯ ᠤᠨ ᠭᠤᠣᠯᠳᠠᠯᠭ᠎ᠠ ᠲᠣᠭᠲᠠᠭᠠᠵᠣ᠂ ᠪᠣᠳᠠᠲᠣ ᠦᠷ᠎ᠡ | ᠪᠦᠲᠦᠮᠵᠢ ᠣᠯᠬᠤ ᠶᠢ ᠪᠠᠲᠣᠯᠠᠨ᠎ᠠ᠃ | ᠨᠣᠴᠢᠲᠠᠢ ᠲᠦᠭᠰᠢᠬᠦᠷᠢ ᠶᠢ ᠰᠡᠷᠬᠡᠶᠢᠯᠡᠨ ᠰᠢᠢᠳᠪᠣᠷᠢᠯᠡᠬᠦ ᠠᠵᠢᠯ ᠢ ᠰᠠᠶᠢᠲᠣᠷ ᠬᠢᠨ᠎ᠡ᠃ ᠦᠭᠴᠡᠭᠡᠨ ᠤ ᠲᠦᠭᠰᠢᠬᠦᠷᠢ ᠶᠢ ᠰᠡᠷᠬᠡᠶᠢᠯᠡᠨ ᠰᠢᠢᠳᠪᠣᠷᠢᠯᠡᠬᠦ ᠠᠵᠢᠯ ᠢ | ᠡᠷᠴᠢᠮᠲᠠᠢ ᠠᠳᠬᠤᠵᠣ᠂ ᠦᠷᠢ ᠦᠭᠴᠡᠭᠡ ᠰᠢᠢᠳᠪᠣᠷᠢᠯᠡᠬᠦ ᠵᠢᠯ ᠤᠨ ᠲᠦᠰᠣᠯ ᠢᠶᠠᠨ ᠣᠯᠠᠮ ᠲᠡᠬᠦᠯᠳᠡᠷᠵᠢᠬᠦᠯᠦᠨ᠂ ᠦᠷᠢ ᠦᠭᠴᠡᠭᠡ ᠰᠢᠢᠳᠪᠣᠷᠢᠯᠡᠬᠦ ᠡᠬᠦᠷᠭᠡ ᠪᠦᠷᠢ | ᠶᠢ ᠰᠠᠯᠠᠭ᠎ᠠ ᠮᠦᠴᠢᠷ ᠲᠤ ᠨᠠᠶᠢᠳᠠᠪᠦᠷᠢᠵᠢᠭᠤᠯᠣᠨ᠂ ᠲᠦᠷᠦᠯ ᠢᠯᠭᠠᠯ ᠢ ᠪᠣᠳᠠᠳᠠᠶᠢᠵᠢᠭᠤᠯᠣᠨ᠂ ᠲᠤᠭ᠎ᠠ ᠨᠣᠷᠮ᠎ᠠ ᠶᠢ ᠲᠣᠳᠣᠷᠬᠠᠶᠢᠯᠠᠨ᠎ᠠ᠃ ᠬᠠᠳᠠᠭᠠᠯᠠᠮᠵᠢ ᠬᠦᠷᠦᠩᠭᠡ | ᠶᠢ ᠪᠦᠳᠦᠮᠵᠢᠳᠠᠢ ᠠᠮᠢᠳᠣᠯᠢᠭᠵᠢᠭᠤᠯᠵᠣ᠂ ᠣᠯᠣᠰ ᠤᠨ ᠦᠮᠴᠢᠯᠡᠯᠳᠦ ᠡᠬᠢ ᠰᠣᠷᠪᠣᠯᠵᠢ ᠶᠢ ᠣᠯᠠᠨ ᠲᠠᠯ᠎ᠠ ᠪᠠᠷ ᠨᠢᠭᠡᠳᠬᠡᠵᠣ᠂ ᠬᠦᠷᠦᠩᠭᠡ ᠶᠢᠨ ᠲᠠᠩᠰᠠᠯᠠᠯᠳᠠ᠂ | ᠲᠦᠷᠦᠯ ᠢᠯᠭᠠᠨ ᠰᠢᠢᠳᠪᠦᠷᠢᠯᠡᠬᠦ᠂ ᠦᠨ᠎ᠡ ᠬᠠᠶᠠᠯᠴᠠᠨ ᠬᠤᠳᠠᠯᠳᠣᠬᠤ ᠰᠢᠯᠵᠢᠭᠦᠯᠬᠦ ᠠᠬᠢᠴᠠ ᠶᠢ ᠲᠦᠷᠭᠡᠳᠬᠡᠨ᠂ ᠲᠦᠰᠦᠪ ᠲᠣᠬᠢᠷᠠᠭᠤᠯᠭ᠎ᠠ᠂ ᠬᠢᠨᠠᠨ ᠪᠣᠳᠣᠵᠣ | ᠬᠢᠨᠠᠨ ᠬᠠᠰᠣᠬᠤ᠂ ᠲᠦᠷᠦᠯ ᠢᠯᠭᠠᠯ ᠢ ᠬᠤᠪᠢᠷᠠᠭᠤᠯᠬᠤ ᠵᠡᠷᠭᠡ ᠠᠷᠭ᠎ᠠ ᠠᠪᠴᠠᠯ ᠢ ᠢᠵᠢᠯ ᠠᠯᠬᠤᠮ ᠪᠠᠷ ᠨᠠᠶᠢᠳᠠᠪᠦᠷᠢᠵᠢᠭᠤᠯᠣᠨ᠂ 12.54 ᠳ᠋ᠦᠩᠰᠢᠭᠤᠷ | ᠲᠦᠬᠦᠷᠢᠭ ᠦᠷᠢ ᠦᠭᠴᠡᠭᠡ ᠶᠢ ᠲᠦᠯᠦᠬᠦ ᠡᠭᠦᠷᠭᠡ ᠪᠠᠨ ᠪᠡᠶᠡᠯᠡᠭᠦᠯᠵᠣ᠂ ᠵᠠᠰᠠᠭ ᠤᠨ ᠣᠷᠳᠣᠨ ᠤ ᠦᠷᠢ ᠦᠭᠴᠡᠭᠡᠨ ᠤ ᠨᠣᠷᠮ᠎ᠠ ᠶᠢ ᠲᠠᠬᠢᠨᠳᠠ 17 ᠵᠠᠭᠤᠨ ᠤ | ᠨᠢᠭᠡᠴᠢ ᠪᠠᠭᠤᠷᠠᠭᠤᠯᠣᠨ᠎ᠠ᠃ ᠵᠠᠰᠠᠭ ᠤᠨ ᠣᠷᠳᠣᠨ ᠦᠷᠢ ᠲᠠᠯᠪᠢᠵᠣ ᠪᠡᠯᠡ ᠬᠤᠷᠠᠮᠳᠣᠭᠤᠯᠬᠤ᠂ ᠨᠡᠶᠢᠳᠡ ᠶᠢᠨ ᠣᠶᠢᠯᠡᠴᠢᠯᠡᠭᠡ ᠬᠤᠳᠠᠯᠳᠣᠨ ᠠᠪᠬᠤ ᠵᠡᠷᠭᠡ | ᠠᠵᠢᠯᠯᠠᠭ᠎ᠠ ᠶᠢ ᠪᠦᠬᠦ ᠲᠠᠯ᠎ᠠ ᠪᠠᠷ ᠲᠦᠷᠢᠮᠵᠢᠭᠦᠯᠵᠣ᠂ ᠵᠠᠰᠠᠭ ᠤᠨ ᠣᠷᠳᠣᠨ ᠤ ᠦᠷᠢ ᠲᠠᠯᠪᠢᠯᠳᠠ ᠶᠢ ᠲᠡᠭᠡᠳᠦ ᠱᠠᠳᠣᠨ ᠠᠴᠠ ᠬᠠᠮᠢᠶᠠᠷᠬᠤ ᠠᠵᠢᠯ ᠤᠨ ᠲᠣᠭᠳᠠᠴᠠ | ᠶᠢ ᠡᠷᠡᠰ ᠴᠢᠩᠭ᠎ᠠ ᠬᠡᠷᠡᠭᠵᠢᠭᠦᠯᠵᠣ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠨ ᠰᠢᠨ᠎ᠡ ᠪᠠᠶᠢᠭᠤᠯᠬᠤ ᠲᠦᠷᠦᠯ ᠵᠣᠶᠢᠯ ᠳᠤ ᠦᠷᠢ ᠦᠭᠴᠡᠭᠡᠨ ᠤ ᠲᠦᠭᠰᠢᠭᠦᠷᠢ | ᠶᠢ ᠦᠨᠡᠯᠡᠭᠦ ᠪᠠ ᠬᠠᠣᠯᠢ ᠴᠢᠨᠠᠷ ᠤᠨ ᠬᠢᠨᠠᠨ ᠪᠠᠶᠢᠴᠠᠭᠠᠯᠳᠠ ᠶᠢ ᠴᠢᠩᠭ᠎ᠠ ᠬᠡᠷᠡᠭᠵᠢᠭᠦᠯᠵᠣ᠂ ᠦᠷᠢ ᠦᠭᠴᠡᠭᠡ ᠨᠡᠮᠡᠭᠳᠡᠭᠦ ᠦᠭᠡᠢ ᠪᠠᠶᠢᠬᠤ ᠶᠢ ᠪᠠᠳᠣᠯᠠᠨ᠎ᠠ᠃ ᠮᠦᠩᠭᠦᠨ | ᠭᠦᠢᠯᠭᠡᠭᠡᠨ ᠤ ᠲᠥᠭᠰᠢᠭᠦᠷᠢ ᠶᠢ ᠴᠢᠩᠭ᠎ᠠ ᠰᠡᠷᠭᠡᠶᠢᠯᠡᠵᠣ᠂ ᠬᠠᠣᠯᠢ ᠲᠦᠷᠢᠮ ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ | ᠢᠳᠡᠭᠡᠮᠵᠢ ᠶᠢᠨ ᠲᠦᠭᠰᠢᠭᠦᠷᠢ ᠪᠣᠯᠣᠨ ᠮᠠᠯᠵᠢᠬᠤ ᠲᠠᠷᠢᠶᠠᠯᠠᠬᠤ ᠣᠷᠣᠨ ᠤ ᠢᠳᠡᠭᠡᠮᠵᠢᠳᠦ ᠵᠢᠭᠡᠯᠡᠯᠭᠡ ᠶᠢᠨ ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠵᠣ᠂ | ᠰᠢᠰᠲ᠋ᠧᠮᠳᠦ ᠴᠢᠨᠠᠷ ᠲᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠣᠭᠤᠮ ᠢ ᠪᠠᠳᠦ ᠰᠠᠬᠢᠨ᠎ᠡ᠃ | ᠨᠠᠷᠢᠯᠢᠭ ᠣᠨᠣᠪᠴᠢᠳᠠᠢ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠢ ᠰᠠᠶᠢᠳᠦᠷ ᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠠᠵᠢᠯ ᠢ | ᠬᠦᠳᠡᠭᠡ ᠨᠣᠳᠤᠭ ᠢ ᠬᠦᠴᠦᠷᠭᠡᠭᠵᠢᠭᠦᠯᠬᠦ ᠪᠠᠶᠢᠯᠳᠣᠬᠤ ᠪᠣᠳᠣᠯᠭ᠎ᠠ ᠲᠠᠢ ᠣᠷᠭᠠᠨᠢᠭ ᠣᠶᠠᠯᠳᠣᠭᠤᠯᠵᠣ᠂ ᠶᠠᠳᠠᠭᠤ ᠬᠦᠴᠢᠷᠳᠡᠯᠳᠡᠢ ᠣᠯᠠᠨ ᠲᠦᠮᠡᠨ ᠢ ᠨᠠᠷᠢᠯᠢᠭ | ᠣᠨᠣᠪᠴᠢᠳᠠᠢ ᠲᠡᠳᠬᠦᠵᠣ᠂ ᠰᠠᠭᠤᠷᠢ ᠪᠠᠷᠣᠭᠳᠠᠢ ᠭᠠᠴᠠᠭ᠎ᠠ ᠲᠣᠰᠬᠤᠨ ᠳᠤ ᠬᠦᠴᠦᠨ ᠢᠶᠠᠨ ᠲᠦᠪᠯᠡᠷᠡᠭᠦᠯᠦᠨ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ | ᠲᠡᠭᠡᠭᠰᠢᠯᠡᠭᠦᠯᠬᠦ ᠦᠭᠡᠢ ᠪᠠᠷ ᠶᠠᠳᠠᠭᠤ ᠠᠴᠠ ᠠᠩᠭᠢᠵᠢᠷᠠᠬᠤ ᠴᠢᠨᠠᠷᠵᠢᠯ ᠢ ᠪᠠᠳᠣᠯᠠᠨ᠂ ᠶᠠᠳᠠᠭᠤ ᠠᠴᠠ ᠠᠩᠭᠢᠵᠢᠷᠠᠭᠤᠯᠬᠤ ᠵᠢᠯ ᠤᠨ ᠡᠭᠦᠷᠭᠡ ᠪᠠᠨ ᠪᠦᠬᠦ ᠲᠠᠯ᠎ᠠ ᠪᠠᠷ | ᠪᠡᠶᠡᠯᠡᠭᠦᠯᠦᠨ᠂ ᠶᠠᠳᠠᠭᠤᠷᠠᠯ ᠤᠨ ᠨᠣᠷᠮ᠎ᠠ ᠶᠢ 0.1% ᠲᠣᠳᠣᠷ᠎ᠠ ᠬᠢᠵᠠᠭᠠᠷᠯᠠᠨ᠎ᠠ᠃ ᠠᠵᠣ ᠣᠶᠢᠯᠠᠰ ᠢᠶᠠᠷ ᠲᠡᠳᠬᠦᠬᠦ ᠪᠠᠷ ᠭᠤᠣᠯᠳᠠᠯᠭ᠎ᠠ ᠪᠣᠯᠭᠠᠨ᠂ ︽ | ᠲᠣᠯᠣᠭᠠᠶᠢᠯᠠᠭᠴᠢ + ᠰᠠᠭᠤᠷᠢᠨ ᠭᠠᠵᠠᠷ + ᠶᠠᠳᠠᠭᠤ ᠬᠦᠴᠢᠷᠳᠡᠯᠳᠡᠢ ᠡᠷᠦᠬᠡ︾ ᠶᠢᠨ ᠶᠠᠳᠠᠭᠤ ᠶᠢ ᠲᠡᠳᠬᠦᠬᠦ ᠵᠠᠭᠪᠣᠷ ᠢ ᠲᠦᠭᠡᠮᠡᠯᠵᠢᠭᠦᠯᠦᠨ᠂ ᠠᠰᠢᠭ ᠲᠣᠰᠠ ᠶᠢᠨ | ᠬᠤᠯᠪᠣᠭᠠᠯᠠᠯ ᠤᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠲᠣᠭᠳᠠᠭᠠᠨ ᠲᠣᠯᠣᠭᠠᠶᠢᠯᠠᠭᠴᠢ ᠠᠵᠣ ᠠᠬᠤᠶᠢᠯᠠᠯ ᠬᠢᠭᠡᠳ ᠬᠠᠮᠳᠣᠷᠠᠯ ᠬᠤᠷᠰᠢᠶ᠎ᠠ ᠠᠴᠠ | ᠶᠠᠳᠠᠭᠤ ᠬᠦᠴᠢᠷᠳᠡᠯᠳᠡᠢ ᠡᠷᠦᠭᠡ ᠶᠢᠨ ᠡᠬᠢ ᠰᠣᠷᠪᠣᠯᠵᠢ ᠪᠣᠯᠣᠨ ᠬᠦᠷᠦᠩᠭᠡ ᠬᠤᠭᠰᠢᠯ ᠢ ᠨᠡᠶᠢᠳᠭᠡᠨ ᠴᠡᠭᠴᠡᠵᠢᠭᠦᠯᠬᠦ ᠶᠢ ᠵᠣᠷᠢᠭᠵᠢᠭᠤᠯᠵᠣ᠂ ᠶᠠᠳᠠᠭᠤ ᠬᠦᠴᠢᠷᠳᠡᠯᠳᠡᠢ | ᠡᠷᠦᠭᠡ ᠶᠢᠨ ᠬᠦᠷᠦᠩᠭᠡ ᠬᠤᠭᠰᠢᠯ ᠤᠨ ᠠᠰᠢᠭ ᠣᠯᠭᠤᠮᠵᠢ ᠶᠢᠨ ᠲᠦᠪᠰᠢᠨ ᠢ ᠲᠡᠭᠡᠭᠰᠢᠯᠡᠭᠦᠯᠦᠨ᠂ ᠶᠠᠳᠠᠭᠤ ᠬᠦᠴᠢᠷᠳᠡᠯᠳᠡᠢ ᠡᠷᠦᠭᠡ ᠶᠢ ᠲᠡᠮᠵᠢᠨ ᠠᠵᠣ ᠣᠶᠢᠯᠠᠰ | ᠤᠨ ᠬᠡᠯᠬᠢᠶᠡᠵᠢᠯ ᠢᠶᠠᠷ ᠲᠠᠮᠵᠢᠭᠤᠯᠣᠨ ᠣᠷᠣᠯᠭ᠎ᠠ ᠶᠢ ᠨᠢ ᠦᠷᠭᠦᠯᠵᠢᠯᠡᠨ ᠲᠣᠭᠳᠠᠭᠤᠨ ᠢᠶᠠᠷ ᠨᠡᠮᠡᠭᠳᠡᠭᠦᠯᠦᠨ᠎ᠡ᠃ ᠨᠠᠭᠠᠳᠦ ᠵᠠᠬ᠎ᠠ ᠶᠢ ᠨᠢ ᠪᠠᠳᠣᠯᠠᠬᠤ ᠪᠠᠷ ᠨᠦᠬᠦᠪᠦᠷᠢ | ᠪᠣᠯᠭᠠᠨ᠂ ᠰᠣᠷᠭᠠᠨ ᠬᠦᠮᠦᠵᠢᠯ᠂ ᠡᠷᠡᠭᠦᠯ ᠮᠡᠨᠳᠦ᠂ ᠨᠡᠶᠢᠭᠡᠮ ᠤᠨ ᠲᠠᠭᠠᠳᠬᠠᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠢ ᠪᠦᠬᠦ ᠲᠠᠯ᠎ᠠ ᠪᠠᠷ | ᠨᠠᠶᠢᠳᠠᠪᠦᠷᠵᠢᠭᠤᠯᠵᠣ᠂ ᠶᠠᠳᠠᠭᠤ ᠬᠦᠴᠢᠷᠳᠡᠯᠳᠡᠢ ᠡᠷᠦᠭᠡ ᠶᠢᠨ ᠡᠮ ᠡᠮᠨᠡᠯᠭᠡ ᠶᠢᠨ ᠵᠠᠷᠣᠯᠭ᠎ᠠ ᠶᠢᠨ ᠪᠣᠳᠠᠳᠠᠢ ᠲᠠᠩᠰᠠᠨ ᠠᠴᠠ ᠲᠠᠶᠢᠯᠬᠤ ᠬᠠᠷᠢᠴᠠᠯ ᠢ ᠲᠡᠭᠡᠭᠰᠢᠯᠡᠭᠦᠯᠦᠨ | 90% ᠠᠴᠠ ᠲᠡᠭᠡᠭᠰᠢ ᠬᠦᠷᠭᠡᠨ᠎ᠡ᠃ ᠬᠦᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠬᠤ᠂ ᠭᠠᠴᠠᠭ᠎ᠠ ᠲᠣᠰᠬᠤᠨ ᠤ ᠴᠡᠪᠡᠷᠯᠡᠭᠡᠨ ᠤ ᠠᠵᠢᠯ ᠵᠡᠷᠭᠡ ᠠᠰᠠᠷᠠᠮᠵᠢ ᠶᠢᠨ | ᠴᠢᠨᠠᠷ ᠲᠠᠢ ᠠᠵᠢᠯ ᠤᠨ ᠪᠠᠶᠢᠷᠢ ᠭᠠᠷᠭᠠᠵᠣ᠂ ᠲᠠᠩᠰᠠᠯᠠᠭᠰᠠᠨ ᠶᠠᠳᠠᠭᠤ ᠬᠦᠴᠢᠷᠳᠡᠯᠳᠡᠢ ᠡᠷᠦᠭᠡ ᠪᠦᠬᠦᠨ ᠤ ᠨᠣᠷᠠᠬᠤ ᠠᠶᠣᠯᠳᠠᠢ ᠭᠡᠷ ᠪᠠᠶᠢᠰᠢᠩ ᠤᠨ ᠦᠭᠡᠷᠡᠴᠢᠯᠡᠯᠳᠡ | ᠶᠢ ᠪᠡᠶᠡᠯᠡᠭᠦᠯᠵᠣ᠂ ᠶᠠᠳᠠᠭᠤ ᠬᠦᠴᠢᠷᠳᠡᠯᠳᠡᠢ ᠡᠷᠦᠭᠡ ᠶᠢᠨ ᠦᠨᠳᠦᠰᠦᠨ ᠠᠮᠢᠳᠣᠷᠠᠯ ᠢ ᠪᠠᠳᠣᠯᠠᠨ᠎ᠠ᠃ ᠬᠢᠨᠠᠯᠳᠠ ᠰᠢᠯᠭᠠᠷᠠᠭᠤᠯᠣᠯᠳᠠ ᠪᠠᠷ ᠪᠠᠳᠣᠯᠠᠭ᠎ᠠ ᠪᠣᠯᠭᠠᠨ᠂ | ᠶᠠᠳᠠᠭᠤ ᠶᠢ ᠲᠡᠳᠬᠦᠬᠦ ᠪᠡᠯᠡ ᠮᠦᠩᠭᠦ ᠶᠢ ᠨᠢᠭᠡᠳᠬᠡᠬᠦ ᠪᠡ ᠠᠮᠵᠢᠯᠳᠠ ᠪᠦᠳᠦᠮᠵᠢ ᠶᠢᠨ ᠬᠠᠮᠢᠶᠠᠷᠣᠯᠳᠠ ᠶᠢ ᠴᠢᠩᠭᠠᠳᠬᠠᠵᠣ᠂ ᠬᠢᠵᠠᠭᠠᠷᠯᠠᠬᠤ ᠪᠠ ᠱᠠᠩᠨᠠᠵᠣ ᠲᠣᠷᠭᠠᠬᠤ | ᠲᠦᠷᠢᠮ ᠢ ᠲᠡᠭᠦᠯᠳᠡᠷᠵᠢᠭᠦᠯᠦᠨ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠰᠣᠷᠳᠠᠯ ᠤᠨ ᠪᠠᠶᠢᠭᠤᠯᠣᠯᠳᠠ ᠶᠢᠨ ᠣᠨ ᠤ ᠠᠵᠢᠯᠯᠠᠭ᠎ᠠ ᠶᠢ ᠭᠦᠨᠵᠡᠭᠡᠢ ᠠᠬᠢᠭᠤᠯᠵᠣ | ᠂ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠳᠠᠬᠢ ᠢᠯᠵᠢᠷᠠᠯ ᠪᠣᠯᠣᠨ ᠰᠣᠷᠳᠠᠯ ᠤᠨ ᠠᠰᠠᠭᠤᠳᠠᠯ ᠤᠨ ᠲᠣᠰᠬᠠᠢ ᠴᠡᠭᠴᠡᠯᠡᠯᠳᠡ ᠦᠷᠨᠢᠭᠦᠯᠵᠣ᠂ ᠶᠠᠳᠠᠭᠤ ᠠᠴᠠ | ᠠᠩᠭᠢᠵᠢᠷᠠᠭᠤᠯᠬᠤ ᠠᠵᠢᠯ ᠢ ᠦᠨᠡᠨ ᠬᠦ ᠠᠷᠠᠳ ᠲᠦᠮᠡᠨ ᠳᠤ ᠮᠡᠳᠡᠷᠡᠭᠦᠯᠦᠨ᠂ ᠲᠡᠣᠭᠡ ᠶᠢᠨ ᠰᠢᠯᠭᠠᠯᠳᠡ ᠶᠢ ᠲᠣᠭᠤᠯᠠᠭᠤᠯᠣᠨᠠ᠃ | ᠪᠣᠬᠢᠷᠳᠣᠯ ᠢ ᠵᠠᠰᠠᠬᠤ ᠠᠵᠢᠯ ᠢ ᠰᠠᠶᠢᠳᠦᠷ ᠬᠢᠨ᠎ᠡ᠃ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠡᠷᠴᠢᠮ ᠲᠠᠢ ᠰᠢᠢᠳᠪᠦᠷᠢᠯᠡᠵᠣ᠂ ᠲᠦᠪ᠂ ᠣᠷᠣᠨ᠂ | ᠬᠤᠳᠠ ᠶᠢᠨ ᠣᠷᠴᠢᠨ ᠲᠣᠭᠤᠷᠢᠨ ᠤ ᠬᠢᠨᠠᠨ ᠪᠠᠶᠢᠴᠠᠭᠠᠯᠳᠠ ᠶᠢᠨ ᠬᠠᠷᠢᠭᠤ ᠲᠣᠰᠬᠠᠭᠰᠠᠨ ᠠᠰᠠᠭᠤᠳᠠᠯ ᠤᠨ ᠴᠡᠭᠴᠡᠯᠡᠯᠳᠡ ᠶᠢᠨ ᠬᠦᠴᠦᠯᠡᠴᠡ ᠪᠠᠨ ᠨᠡᠮᠡᠭᠳᠡᠭᠦᠯᠵᠣ᠂ | ︽ᠲᠠᠪᠳᠠᠨ ᠬᠢᠨᠠᠬᠤ︾ ᠬᠦᠳᠡᠯᠦᠩᠭᠦᠢ ᠬᠠᠮᠢᠶᠠᠷᠣᠯᠳᠠ ᠶᠢ ᠪᠠᠶᠢᠩᠭᠤᠵᠢᠭᠤᠯᠣᠨᠠ᠃ ᠪᠣᠬᠢᠷᠳᠣᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠳᠣᠯᠣᠯᠳᠠ ᠶᠢᠨ | ᠠᠵᠢᠯᠯᠠᠭ᠎ᠠ ᠶᠢ ᠡᠬᠢᠯᠡᠬᠦᠯᠵᠣ᠂ ᠣᠯᠵᠠᠴᠢ ᠪᠠ ᠱᠠᠩᠬᠠᠢ ᠶᠢᠨ ᠰᠦᠮ᠎ᠡ ᠶᠢᠨ ᠪᠣᠬᠢᠷ ᠣᠰᠣ ᠰᠢᠢᠳᠪᠦᠷᠢᠯᠡᠬᠦ ᠣᠶᠢᠯᠠᠳᠪᠦᠷᠢ ᠶᠢᠨ ᠪᠠᠷᠢᠮᠵᠢᠶ᠎ᠠ ᠲᠡᠭᠡᠭᠰᠢᠯᠡᠭᠦᠯᠬᠦ | ᠦᠭᠡᠷᠡᠴᠢᠯᠡᠯᠳᠡ ᠪᠣᠯᠣᠨ ᠱᠠᠩᠬᠠᠢ ᠶᠢᠨ ᠰᠦᠮ᠎ᠡ ᠬᠡᠥᠷᠡᠰᠥᠨ ᠲᠠᠯᠠᠪᠠᠢ ᠶᠢᠨ ᠪᠠᠶᠢᠭᠤᠯᠣᠯᠳᠠ ᠶᠢ ᠲᠦᠷᠭᠡᠳᠬᠡᠵᠣ᠂ ᠬᠤᠰᠢᠭᠤ ᠬᠡᠪᠴᠢᠶᠡᠨ ᠤ ᠣᠰᠣ᠂ ᠬᠦᠷᠦᠰᠦ | ᠰᠢᠷᠣᠢ ᠪᠣᠯᠣᠨ ᠠᠭᠠᠷ ᠤᠨ ᠴᠢᠨᠠᠷ ᠴᠢᠨᠰᠠᠭ᠎ᠠ ᠶᠢ ᠥᠷᠭᠦᠯᠵᠢᠯᠡᠨ ᠰᠠᠶᠢᠵᠢᠷᠠᠭᠤᠯᠣᠨ᠎ᠠ᠃ ᠣᠷᠴᠢᠨ ᠬᠠᠮᠠᠭᠠᠯᠠᠯᠳᠠ ᠶᠢᠨ ᠬᠠᠣᠯᠢ ᠵᠦᠷᠢᠴᠡᠭᠰᠡᠨ ᠠᠵᠢᠯᠯᠠᠭ᠎ᠠ ᠳᠤ | ᠴᠢᠩᠭ᠎ᠠ ᠴᠣᠬᠢᠯᠳᠠ ᠦᠭᠴᠦ᠂ ᠣᠷᠴᠢᠨ ᠲᠣᠭᠤᠷᠢᠨ ᠤ ᠭᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢᠨ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠵᠣ᠂ ᠠᠵᠣ | ᠣᠶᠢᠯᠠᠳᠪᠦᠷᠢ ᠶᠢᠨ ᠬᠦᠷᠢᠶᠡᠯᠡᠩ᠂ ᠴᠢᠯᠠᠭᠤᠨ ᠲᠣᠰᠣ ᠰᠢᠳᠠᠮᠠᠬᠠᠢ ᠭᠡᠢ ᠶᠢᠨ ᠨᠡᠭᠡᠭᠡᠯᠳᠡ ᠶᠢᠨ ᠠᠬᠤᠢ ᠲᠠᠯᠠᠪᠠᠢ ᠵᠡᠷᠭᠡ ᠭᠤᠣᠯᠳᠠᠯᠭᠠᠳᠦ ᠣᠷᠣᠨ ᠬᠡᠪᠴᠢᠶᠡᠨ ᠤ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠲᠣᠪᠣᠶᠢᠮ᠎ᠠ ᠰᠠᠶᠢᠳᠦᠷ ᠠᠳᠬᠤᠵᠣ᠂ ᠣᠷᠴᠢᠨ ᠲᠣᠭᠤᠷᠢᠨ ᠢ ᠨᠦᠯᠦᠭᠡᠯᠡᠬᠦ ᠨᠣᠴᠢᠳᠠᠢ ᠭᠡᠷᠡᠭ ᠡᠭᠦᠰᠬᠡᠬᠦ | ᠦᠭᠡᠢ ᠶᠢ ᠪᠠᠳᠣᠯᠠᠨ᠎ᠠ᠃ ᠭᠤᠣᠯ ᠤᠨ ᠲᠠᠷᠣᠭᠠᠴᠢ ᠶᠢᠨ ᠲᠦᠷᠢᠮ ᠢ ᠪᠦᠬᠦ ᠲᠠᠯ᠎ᠠ ᠬᠡᠷᠡᠭᠵᠢᠭᠦᠯᠦᠨ᠂ ᠭᠤᠣᠯ ᠪᠣᠯᠭᠠᠨ ᠳᠤ ᠠᠳᠠᠯᠢ ᠪᠣᠰᠣ ᠪᠣᠳᠣᠯᠭ᠎ᠠ ᠬᠡᠷᠡᠭᠵᠢᠭᠦᠯᠦᠨ | ᠶᠡᠷᠦᠩᠬᠡᠶᠢᠯᠡᠨ ᠵᠠᠰᠠᠵᠣ᠂ ᠣᠣᠭᠤᠬᠤ ᠣᠰᠣᠨ ᠤ ᠡᠬᠢ ᠶᠢᠨ ᠲᠦᠷᠢᠮᠵᠢᠭᠰᠡᠨ ᠪᠠᠶᠢᠭᠤᠯᠣᠯᠳᠠ ᠶᠢ ᠲᠦᠷᠭᠡᠳᠬᠡᠵᠣ᠂ ᠲᠦᠪᠯᠡᠷᠡᠭᠭᠦᠢ ᠬᠠᠩᠭᠠᠯᠭ᠎ᠠ ᠶᠢᠨ ᠣᠰᠣᠨ ᠡᠬᠢ | ᠶᠢᠨ ᠣᠰᠣᠨ ᠤ ᠴᠢᠨᠠᠷ ᠢ ᠪᠠᠳᠣᠯᠠᠨ᠎ᠠ᠃ ᠠᠮᠢ ᠠᠬᠤᠢ ᠶᠢᠨ ᠪᠠᠶᠢᠭᠤᠯᠣᠯᠳᠠ ᠶᠢᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠭᠦᠯᠵᠣ᠂ ᠣᠰᠣ ᠪᠠᠷ ᠨᠡᠭᠡᠭᠡᠯᠳᠡ ᠶᠢ | ᠲᠣᠭᠳᠠᠭᠠᠬᠤ ᠪᠠ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠲᠣᠭᠳᠠᠭᠠᠬᠤ ᠶᠢ ᠭᠤᠶᠢᠪᠢᠰᠢ ᠦᠭᠡᠢ ᠪᠠᠷᠢᠮᠳᠠᠯᠠᠵᠣ᠂ ᠬᠤᠰᠢᠭᠤ ᠪᠠᠯᠭᠠᠰᠦ ᠬᠤᠶᠠᠷ | ᠱᠠᠳᠤᠨ ᠤ ᠬᠠᠣᠯᠢ ᠭᠡᠷᠡᠭᠵᠢᠭᠦᠯᠬᠦ ᠬᠦᠴᠦᠨ ᠢ ᠴᠡᠭᠴᠡᠵᠢᠭᠦᠯᠦᠨ ᠰᠢᠯᠢᠳᠡᠭᠵᠢᠭᠦᠯᠵᠣ᠂ ᠭᠠᠵᠠᠷ ᠲᠣᠣᠷᠠᠬᠢ ᠣᠰᠣᠨ ᠤ ᠨᠡᠭᠡᠭᠡᠯᠳᠡ ᠶᠢᠨ ᠬᠠᠷᠢᠭᠤᠴᠠᠯᠭ᠎ᠠ ᠶᠢᠨ | ᠲᠣᠭᠳᠠᠴᠠ ᠲᠣᠭᠳᠠᠭᠠᠨ᠂ ᠬᠡᠳᠦᠷᠡᠳᠡᠯ᠎ᠡ ᠨᠡᠭᠡᠭᠡᠭᠰᠡᠨ ᠣᠷᠣᠨ ᠳᠤ ︽ᠬᠤᠳᠳᠤᠭ ᠢ ᠪᠢᠳᠡᠭᠦᠮᠵᠢᠯᠡᠨ ᠲᠠᠷᠢᠶᠠᠨ ᠭᠠᠵᠠᠷ ᠢ ᠪᠠᠭᠠᠰᠬᠠᠬᠤ︾ ᠶᠢ ᠠᠯᠬᠤᠮ ᠲᠠᠷᠠᠭᠠᠯᠠᠨ | ᠬᠡᠷᠡᠭᠵᠢᠭᠦᠯᠵᠣ᠂ ᠭᠠᠵᠠᠷ ᠨᠡᠭᠡᠭᠡᠨ ᠣᠰᠣᠯᠠᠯᠳᠠ ᠦᠷᠭᠡᠳᠬᠡᠬᠦ ᠠᠵᠢᠯᠯᠠᠭ᠎ᠠ ᠶᠢ ᠣᠭ ᠦᠨᠳᠦᠰᠦᠨ ᠠᠴᠠ ᠨᠢ ᠵᠣᠭᠰᠣᠭᠠᠨ᠎ᠠ᠃ ᠪᠡᠯᠴᠢᠭᠡᠷᠯᠡᠭᠦᠯᠬᠦ ᠶᠢ ᠬᠤᠷᠢᠭᠯᠠᠨ | ᠰᠡᠯᠭᠦᠨ ᠮᠠᠯᠵᠢᠬᠤ ᠴᠢᠩᠭ᠎ᠠ ᠪᠣᠳᠣᠯᠭ᠎ᠠ ᠬᠡᠷᠡᠭᠵᠢᠭᠦᠯᠵᠣ᠂ ᠲᠠᠯᠳᠠᠭᠤᠷ ᠪᠡᠯᠴᠢᠭᠡᠷᠯᠡᠭᠦᠯᠬᠦ ᠪᠠ ᠦᠳᠠᠰᠢ ᠪᠡᠯᠴᠢᠭᠡᠬᠦ᠂ ᠣᠢ ᠪᠡᠯᠴᠢᠭᠡᠷ ᠢ ᠡᠪᠡᠳᠡᠬᠦ ᠵᠡᠷᠭᠡ ᠬᠠᠣᠯᠢ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠠᠮᠢ ᠠᠬᠤᠢ ᠣᠷᠴᠢᠨ ᠢ ᠦᠷᠭᠦᠯᠵᠢᠯᠡᠨ ᠰᠠᠶᠢᠵᠢᠷᠠᠭᠤᠯᠣᠨ᠎ᠠ᠃ ᠪᠡᠭᠡᠵᠢᠩ ᠲᠢᠶᠠᠨᠵᠢᠨ ᠤ ᠰᠠᠯᠬᠢ | ᠰᠢᠷᠣᠢ ᠶᠢᠨ ᠡᠬᠢ ᠶᠢᠨ ᠵᠠᠰᠠᠯᠳᠠ᠂ ᠣᠯᠣᠰ ᠤᠨ ᠬᠦᠷᠦᠰᠦ ᠰᠢᠷᠣᠢ ᠶᠢᠨ ᠢᠳᠡᠭᠳᠡᠯ ᠤᠨ ᠵᠠᠰᠠᠯᠳᠠ᠂ ᠪᠠᠶᠢᠭᠠᠯᠢ ᠶᠢᠨ ᠣᠢ ᠶᠢᠨ ᠬᠠᠮᠠᠭᠠᠯᠠᠯᠳᠠ ᠵᠡᠷᠭᠡ ᠠᠮᠢ ᠠᠬᠤᠢ | ᠶᠢᠨ ᠭᠤᠣᠯᠳᠠᠯᠭᠠᠳᠦ ᠲᠦᠷᠦᠯ ᠵᠣᠶᠢᠯ ᠢ ᠦᠷᠭᠦᠯᠵᠢᠯᠡᠨ ᠬᠡᠷᠡᠭᠵᠢᠭᠦᠯᠵᠣ᠂ ︽ᠰᠢᠷᠭᠤᠯᠵᠢᠨ︾ ᠣᠢ ᠶᠢᠨ ᠨᠡᠶᠢᠳᠡ ᠶᠢᠨ ᠠᠰᠠᠷᠠᠮᠵᠢ ᠶᠢᠨ ᠣᠶᠢᠵᠢᠭᠤᠯᠬᠤ ᠲᠦᠷᠦᠯ | ᠵᠣᠶᠢᠯ ᠢ ᠰᠢᠨᠡᠴᠢᠯᠡᠯ ᠲᠠᠢ ᠠᠬᠢᠭᠤᠯᠵᠣ᠂ ᠵᠢᠯ ᠤᠨ ᠲᠣᠳᠣᠷ᠎ᠠ 10 ᠲᠦᠮᠡᠨ ᠮᠣ᠋ ᠣᠯᠣᠰ ᠤᠨ ᠨᠣᠳᠤᠭ ᠲᠡᠪᠢᠰᠬᠡᠷ ᠤᠨ ᠣᠶᠢᠵᠢᠭᠤᠯᠣᠯᠳᠠ᠂ 27 ᠲᠦᠮᠡᠨ ᠮᠣ᠋ | ᠬᠦᠷᠦᠰᠦ ᠰᠢᠷᠣᠢ ᠶᠢᠨ ᠢᠳᠡᠭᠳᠡᠯ ᠤᠨ ᠵᠠᠰᠠᠯᠳᠠ᠂ 50 ᠲᠦᠮᠡᠨ ᠮᠣ᠋ ᠨᠣᠳᠤᠭ ᠪᠡᠯᠴᠢᠭᠡᠷ ᠤᠨ ᠬᠠᠮᠠᠭᠠᠯᠠᠯᠳᠠ ᠶᠢ ᠪᠡᠶᠡᠯᠡᠭᠦᠯᠵᠣ᠂ ᠠᠮᠢ ᠠᠬᠤᠢ ᠶᠢᠨ ᠪᠣᠯᠪᠠᠰᠣᠨ ᠤ | ᠲᠠᠭᠤᠷᠢᠶᠠᠯ ᠬᠤᠰᠢᠭᠤ ᠶᠢᠨ ᠴᠣᠭᠴᠠᠯᠠᠯᠳᠠ ᠶᠢ ᠲᠦᠷᠭᠡᠳᠬᠡᠨ᠂ ᠴᠡᠯᠮᠡᠭ ᠲᠡᠭᠷᠢ᠂ ᠴᠡᠯᠡᠭᠡᠷ ᠲᠠᠯ᠎ᠠ᠂ ᠴᠡᠩᠬᠡᠭ ᠣᠰᠣ ᠲᠠᠢ ᠣᠳᠤᠭ ᠤᠨ ᠡᠮᠦᠨᠡᠳᠦ ᠬᠤᠰᠢᠭᠤ ᠶᠢ | ᠴᠣᠭᠴᠠᠯᠠᠨ᠎ᠠ᠃ | ︵ᠬᠤᠶᠠᠷ︶ ᠲᠦᠷᠦᠯ ᠵᠣᠶᠢᠯ ᠤᠨ ᠰᠢᠪᠳᠣᠯᠣᠯᠳᠠ ᠶᠢ ᠡᠷᠴᠢᠮ ᠲᠠᠢ ᠠᠬᠢᠭᠤᠯᠵᠣ᠂ ᠪᠣᠳᠠᠳᠦ ᠴᠣᠭᠴᠠ ᠶᠢᠨ ᠠᠵᠣ ᠠᠬᠤᠢ ᠶᠢ ᠪᠣᠶᠢᠵᠢᠭᠤᠯᠣᠨ | ᠪᠣᠵᠠᠭᠠᠶᠢᠷᠠᠭᠤᠯᠣᠨ᠎ᠠ᠃ ᠴᠢᠬᠤᠯᠠ ᠶᠡᠭᠡ ᠲᠦᠷᠦᠯ ᠵᠣᠶᠢᠯ ᠤᠨ ᠪᠠᠶᠢᠭᠤᠯᠣᠯᠳᠠ ᠪᠠᠷ ᠭᠠᠷᠳᠠᠴᠠ ᠪᠣᠯᠭᠠᠨ᠂ ᠰᠢᠨ᠎ᠡ ᠠᠵᠣ ᠣᠶᠢᠯᠠᠰ ᠢ ᠪᠣᠶᠢᠵᠢᠭᠤᠯᠵᠣ᠂ ᠰᠢᠨ᠎ᠡ | ᠬᠦᠳᠡᠯᠭᠡᠭᠴᠢ ᠬᠦᠴᠦᠨ ᠢ ᠬᠤᠷᠠᠮᠳᠣᠭᠤᠯᠣᠨ᠂ ᠰᠢᠨ᠎ᠡ ᠨᠡᠮᠡᠭᠳᠡᠯ ᠤᠨ ᠲᠣᠶᠢᠯ ᠢ ᠪᠦᠷᠢᠯᠳᠦᠭᠦᠯᠦᠨ᠎ᠡ᠃ ᠪᠦᠬᠦ ᠵᠢᠯ ᠳᠤ ᠶᠡᠷᠦᠩᠬᠡᠢ ᠪᠡᠯᠡ ᠤᠷᠤᠭᠤᠯᠤᠯᠳᠠ ᠨᠢ | 1026 ᠳ᠋ᠥᠩᠰᠢᠭᠤᠷ ᠲᠥᠭᠦᠷᠢᠭ ᠤᠨ 155 ᠲᠦᠷᠦᠯ ᠵᠣᠶᠢᠯ ᠢ ᠬᠡᠷᠡᠭᠵᠢᠭᠦᠯᠬᠦ ᠪᠠᠷ ᠲᠦᠯᠦᠪᠯᠡᠵᠣ᠂ ᠡᠬᠦᠨ ᠳᠤ ᠳ᠋ᠥᠩᠰᠢᠭᠤᠷ ᠲᠥᠭᠦᠷᠢᠭ ᠠᠴᠠ ᠲᠡᠭᠡᠭᠰᠢᠬᠢ | ᠲᠦᠷᠦᠯ ᠵᠣᠶᠢᠯ 48᠂ ᠲᠣᠰ ᠵᠢᠯ ᠳᠤ ᠪᠠᠨ ᠶᠡᠷᠦᠩᠬᠡᠢ ᠪᠡᠯᠡ ᠣᠷᠣᠭᠤᠯᠣᠯᠳᠠ ᠶᠢᠨ 90% ᠠᠴᠠ ᠲᠡᠭᠡᠭᠰᠢ ᠶᠢ ᠪᠡᠶᠡᠯᠡᠭᠦᠯᠬᠦ ᠪᠠᠷ ᠲᠦᠯᠦᠪᠯᠡᠵᠣ ᠪᠣᠢ᠃ | ᠲᠦᠷᠦᠯ ᠵᠣᠶᠢᠯ ᠤᠨ ᠠᠬᠢᠯᠳᠠ ᠶᠢ ᠲᠦᠷᠭᠡᠳᠬᠡᠨ᠎ᠡ᠃ ︽ᠠᠭᠤᠵᠢᠭᠤ ᠲᠠᠯᠪᠢᠵᠤ ᠴᠢᠩᠭ᠎ᠠ ᠬᠠᠮᠢᠶᠠᠷᠬᠤ︾ ᠵᠠᠷᠴᠢᠮ ᠶᠣᠰᠣᠭᠠᠷ ︽ᠡᠮᠡᠭᠡᠯ ᠶᠡᠭᠦᠯᠡᠨ ᠮᠤᠷᠢ | ᠰᠤᠯᠢᠬᠤ︾ ᠲᠦᠷᠦᠯ ᠵᠣᠶᠢᠯ ᠤᠨ ᠭᠡᠳᠡᠷᠭᠦ ᠰᠢᠬᠠᠮᠳᠠᠭᠤᠯᠬᠤ ᠲᠣᠭᠳᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠦᠷᠦᠯ ᠵᠣᠶᠢᠯ ᠤᠨ ᠣᠷᠣᠨᠵᠢᠭᠤᠯᠣᠯᠳᠠ ᠶᠢ | ᠠᠬᠢᠭᠤᠯᠣᠨ᠂ ᠲᠦᠷᠦᠯ ᠵᠣᠶᠢᠯ ᠤᠨ ᠠᠬᠢᠴᠠ ᠶᠢ ᠰᠢᠯᠢᠳᠡᠭᠵᠢᠭᠦᠯᠦᠨ᠎ᠡ᠃ ᠰᠢᠶᠠᠨ ᠤ ᠲᠡᠰ ᠤᠨ ᠣᠳᠣᠷᠢᠳᠬᠤ ᠺᠠᠳ᠋ᠷ ᠤᠨ ᠴᠢᠬᠤᠯᠠ ᠶᠡᠭᠡ ᠲᠦᠷᠦᠯ ᠵᠣᠶᠢᠯ ᠢ | ᠲᠠᠭᠠᠭᠠᠴᠢᠯᠠᠨ ᠠᠳᠬᠤᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠲᠦᠷᠦᠯ ᠵᠣᠶᠢᠯ ᠪᠣᠯᠭᠠᠨ ᠳᠤ ᠠᠬᠢᠭᠤᠯᠬᠤ ᠲᠦᠰᠦᠯ ᠲᠣᠭᠳᠠᠭᠠᠨ | ᠨᠢᠭᠡ ᠣᠳᠣᠷᠢᠳᠣᠯᠭ᠎ᠠ ᠲᠣᠯᠣᠭᠠᠶᠢᠯᠠᠨ ᠠᠳᠬᠤᠵᠣ ᠨᠢᠭᠡ ᠪᠠᠭ ᠢᠶᠠᠷ ᠬᠠᠮᠳᠣᠷᠠᠨ ᠰᠢᠪᠳᠣᠯᠵᠣ᠂ ᠨᠠᠷᠢᠯᠢᠭ ᠣᠨᠣᠪᠴᠢᠳᠠᠢ ᠬᠦᠴᠦᠯᠡᠨ᠂ ᠬᠢᠵᠠᠭᠠᠷᠯᠠᠯ ᠢ ᠡᠪᠳᠡᠨ᠂ | ᠬᠠᠪᠣᠷ ᠨᠠᠮᠣᠷ ᠭᠤᠣᠯᠳᠠᠯᠭᠠᠳᠦ ᠲᠦᠷᠦᠯ ᠵᠣᠶᠢᠯ ᠢ ᠪᠠᠷᠢᠯᠭ᠎ᠠ ᠡᠬᠢᠯᠡᠭᠦᠯᠦᠨ ᠰᠡᠷᠭᠦᠭᠡᠬᠦ ᠨᠣᠷᠮ᠎ᠠ ᠶᠢ ᠲᠣᠰᠪᠦᠷᠢ 60% ᠪᠠ 90% ᠠᠴᠠ ᠲᠡᠭᠡᠭᠰᠢ ᠬᠦᠷᠭᠡᠨ᠎ᠡ᠃ | ᠠᠵᠣ ᠣᠶᠢᠯᠠᠳᠪᠦᠷᠢ ᠶᠢᠨ ᠴᠢᠬᠤᠯᠠ ᠶᠡᠭᠡ ᠲᠦᠷᠦᠯ ᠵᠣᠶᠢᠯ ᠤᠨ ᠣᠷᠣᠨᠵᠢᠭᠤᠯᠣᠯᠳᠠ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠵᠣ᠂ ᠱᠠᠨᠳᠦ᠋ᠩ ᠤᠨ ᠱᠧᠩ | ᠯᠦ ᠴᠠᠬᠢᠯᠭᠠᠨ ᠣᠶᠢᠯᠠᠳᠪᠦᠷᠢ ᠶᠢᠨ ᠪᠠᠶᠢᠭᠤᠯᠣᠯᠳᠠ ᠶᠢ ᠲᠦᠷᠭᠡᠳᠬᠡᠵᠣ᠂ ᠵᠢᠯ ᠤᠨ ᠪᠠᠶᠢᠭᠤᠯᠣᠯᠳᠠ ᠶᠢᠨ ᠡᠭᠦᠷᠭᠡ ᠪᠠᠨ ᠵᠢᠱᠢᠭᠰᠡᠨ ᠬᠠᠷᠠᠯᠳᠠ ᠠᠴᠠ ᠲᠠᠪᠠᠭᠤᠯᠬᠤ ᠶᠢ | ᠪᠠᠳᠣᠯᠠᠨ᠎ᠠ︔ ᠤᠯᠤᠰ ᠤᠨ ᠴᠠᠬᠢᠯᠭᠠᠨ ᠪᠥᠯᠥᠭᠯᠡᠯ ᠤᠨ ᠱᠤᠸᠠᠩ ᠸᠧᠢ ᠪᠣᠯᠣᠨ ᠴᠠᠩ ᠴᠧᠩ ᠴᠠᠬᠢᠯᠭᠠᠨ ᠣᠶᠢᠯᠠᠳᠪᠦᠷᠢ ᠶᠢ ᠲᠡᠭᠡᠷ᠎ᠡ ᠬᠠᠭᠠᠰ ᠵᠢᠯ ᠳᠤ ᠪᠠᠷᠢᠯᠭ᠎ᠠ | ᠡᠬᠢᠯᠡᠭᠦᠯᠬᠦ ᠶᠢ ᠠᠬᠢᠭᠤᠯᠵᠣ᠂ ᠱᠧᠨ ᠬᠤᠸᠠ ᠶᠢᠨ ᠤᠯᠤᠰ ᠤᠨ ᠡᠨᠧᠷᠬᠢ ᠶᠢᠨ ᠴᠠᠬᠢᠯᠭᠠᠨ ᠥᠢᠯᠡᠳᠪᠥᠷᠢ᠂ ᠬᠤᠸᠠ ᠰᠢᠩ ᠤᠨ ᠨᠡᠭᠦᠷᠡᠰᠦ ᠪᠠᠷ ᠬᠡᠢ ᠣᠶᠢᠯᠡᠳᠬᠦ | ᠲᠥᠷᠥᠯ ᠵᠥᠢᠯ ᠢ ᠵᠢᠯ ᠤᠨ ᠲᠣᠳᠣᠷ᠎ᠠ ᠵᠦᠪᠰᠢᠶᠡᠷᠡᠭᠦᠯᠦᠨ᠎ᠡ︔ ᠨᠢᠭᠡᠨᠳᠡ ᠵᠦᠪᠰᠢᠶᠡᠷᠡᠭᠰᠡᠨ ᠴᠠᠬᠢᠯᠭᠠᠨ ᠣᠶᠢᠯᠠᠳᠪᠦᠷᠢ ᠶᠢᠨ ᠲᠦᠷᠦᠯ ᠵᠣᠶᠢᠯ ᠤᠨ ᠡᠬᠢ ᠰᠣᠷᠪᠣᠯᠵᠢ | ᠶᠢᠨ ᠲᠦᠬᠦᠷᠵᠢᠭᠦᠯᠦᠯᠳᠡ ᠶᠢ ᠵᠣᠬᠢᠴᠠᠭᠤᠯᠣᠨ ᠠᠬᠢᠭᠤᠯᠵᠣ᠂ ᠲᠦᠬᠦᠷ ᠨᠡᠭᠦᠷᠡᠰᠣᠨ ᠠᠭᠤᠷᠬᠠᠢ ᠶᠢᠨ ᠠᠭᠤᠷᠬᠠᠢ ᠮᠠᠯᠳᠠᠬᠤ ᠦᠨᠡᠮᠯᠡᠯ ᠤᠨ ᠭᠦᠢᠴᠡᠳᠭᠡᠯ᠂ ᠮᠡᠳᠡᠭᠦᠯᠦᠨ | ᠵᠦᠪᠰᠢᠶᠡᠷᠡᠭᠦᠯᠬᠦ ᠵᠡᠷᠭᠡ ᠠᠵᠢᠯ ᠢ ᠲᠦᠷᠭᠡᠳᠬᠡᠵᠣ᠂ ᠲᠣᠰ ᠵᠢᠯ ᠳᠤ ᠪᠣᠳᠠᠳᠦ ᠠᠬᠢᠯᠳᠠ ᠭᠠᠷᠭᠠᠬᠤ ᠪᠠᠷ ᠴᠢᠷᠮᠡᠶᠢᠨ᠎ᠡ︔ ᠴᠢᠯᠠᠭᠤᠨ ᠲᠣᠰᠣ ᠰᠢᠳᠠᠮᠠᠬᠠᠢ ᠬᠡᠢ ᠶᠢᠨ | ᠨᠡᠭᠡᠭᠡᠯᠳᠡ ᠶᠢ ᠲᠦᠷᠭᠡᠳᠬᠡᠵᠣ᠂ ᠲᠣᠰ ᠵᠢᠯ ᠳᠤ ᠰᠢᠳᠠᠮᠠᠬᠠᠢ ᠬᠡᠢ ᠶᠢᠨ ᠭᠠᠷᠣᠯᠳᠠ ᠶᠢ 45 ᠳ᠋ᠥᠩᠰᠢᠭᠤᠷ ᠺᠥᠪ ᠮᠧᠲᠷ ᠲᠠᠪᠠᠭᠤᠯᠤᠨ᠂ ᠪᠠᠶᠢᠭᠤᠯᠤᠭᠰᠠᠨ LNG | ᠶᠢᠨ ᠶᠡᠷᠦᠩᠬᠡᠢ ᠬᠡᠪᠴᠢᠶᠡᠵᠢᠯ ᠢ 90 ᠲᠥᠮᠡᠨ ᠲᠤᠨ ᠭᠥᠷᠭᠡᠨ᠎ᠡ᠃ ᠰᠠᠭᠤᠷᠢ ᠲᠦᠬᠦᠭᠡᠷᠦᠮᠵᠢ ᠶᠢᠨ ᠴᠢᠬᠤᠯᠠ ᠶᠡᠭᠡ ᠲᠦᠷᠦᠯ ᠵᠣᠶᠢᠯ ᠤᠨ ᠪᠠᠶᠢᠭᠤᠯᠣᠯᠳᠠ ᠶᠢ ᠪᠦᠬᠦ | ᠬᠦᠴᠦᠨ ᠢᠶᠠᠷ ᠠᠬᠢᠭᠤᠯᠵᠣ᠂ ᠲᠤᠯᠢ ᠠᠴᠠ ᠱᠠᠩᠬᠠᠢ ᠶᠢᠨ ᠰᠥᠮ᠎ᠡ ᠭᠥᠷᠭᠦ ᠲᠡᠮᠤᠷ ᠵᠠᠮ ᠤᠨ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠭᠡᠰᠡᠭ ᠢ ᠲᠡᠭᠡᠷ᠎ᠡ | ᠬᠠᠭᠠᠰ ᠵᠢᠯ ᠳᠤ ᠪᠠᠷᠢᠯᠭ᠎ᠠ ᠡᠬᠢᠯᠡᠬᠦᠯᠵᠣ᠂ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠡᠮᠤᠷ ᠵᠠᠮ ᠤᠨ ᠪᠠᠷᠢᠯᠭ᠎ᠠ ᠶᠢ ᠵᠢᠯ ᠤᠨ ᠲᠣᠳᠣᠷ᠎ᠠ ᠡᠬᠢᠯᠡᠭᠦᠯᠬᠦ ᠪᠠᠷ | ᠴᠢᠷᠮᠠᠶᠢᠵᠣ᠂ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠭᠡᠨ ᠵᠠᠮ᠂ ᠱᠠᠩᠬᠠᠢ ᠶᠢᠨ ᠰᠦᠮ᠎ᠡ ᠠᠴᠠ ᠦᠵᠦᠭᠦᠷ ᠪᠠᠯᠭᠠᠰᠦ ᠬᠦᠷᠬᠦ ᠵᠠᠰᠠᠮᠠᠯ ᠵᠠᠮ ︵ᠪᠣᠯᠠᠭ | ᠲᠣᠰᠬᠤᠨ ᠠᠴᠠ ᠰᠢᠨ᠎ᠡ ᠱᠠᠩᠬᠠᠢ ᠶᠢᠨ ᠰᠦᠮ᠎ᠡ ᠬᠦᠷᠬᠦ ᠬᠡᠰᠡᠭ︶ ᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠠᠰᠢᠭᠯᠠᠯᠳᠠ ᠳᠤ ᠣᠷᠣᠭᠤᠯᠵᠣ᠂ ᠵᠢᠭᠤᠯᠴᠢᠯᠠᠯ ᠤᠨ | ᠲᠤᠰᠬᠠᠢ ᠱᠤᠭᠤᠮ ᠪᠣᠯᠣᠨ ᠨᠢᠭᠡᠳᠦᠭᠡᠷ ᠲᠡᠰ ᠤᠨ ᠵᠠᠰᠠᠮᠠᠯ ᠵᠠᠮ ᠤᠨ ᠲᠦᠷᠦᠯ ᠵᠣᠶᠢᠯ ᠢ ᠬᠤᠭᠤᠴᠠᠭ᠎ᠠ ᠶᠣᠰᠣᠭᠠᠷ ᠪᠠᠷᠢᠯᠭ᠎ᠠ ᠡᠬᠢᠯᠡᠭᠦᠯᠵᠣ᠂ ᠲᠣᠰ ᠵᠢᠯ ᠳᠤ ᠰᠢᠨ᠎ᠡ | ᠪᠠᠷ 155 ᠺᠢᠯᠣᠮᠧᠲᠷ ᠬᠦᠳᠡᠭᠡ ᠶᠢᠨ ᠵᠠᠮ ᠵᠠᠰᠠᠵᠣ᠂ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠢ ᠠᠰᠢᠭᠯᠠᠯᠳᠠ ᠳᠤ | ᠣᠷᠣᠭᠤᠯᠣᠨ᠎ᠠ᠃ ᠴᠠᠬᠢᠯᠭᠠᠨ ᠲᠣᠣᠷ ᠤᠨ ᠪᠠᠶᠢᠭᠤᠯᠣᠯᠳᠠ ᠦᠭᠡᠷᠡᠴᠢᠯᠡᠯᠳᠡ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠣ᠂ 10 ᠺᠢᠯᠤᠸᠤᠯᠲ ᠠᠴᠠ | ᠲᠡᠭᠡᠭᠰᠢᠬᠢ ᠴᠠᠬᠢᠯᠭᠠᠨ ᠲᠠᠮᠵᠢᠭᠤᠯᠬᠤ ᠱᠣᠭᠤᠮ ᠢ 346 ᠺᠢᠯᠦᠮᠧᠲᠷ ᠨᠡᠮᠡᠵᠣ᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠬᠡᠷᠡᠭᠯᠡᠭᠡᠨ ᠤ ᠪᠠᠳᠣᠯᠠᠭᠠᠳᠦ ᠴᠢᠨᠠᠷ ᠢ | ᠲᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ ᠣᠷᠣᠨ ᠠᠴᠠ ᠬᠦᠷᠢᠶᠡᠯᠡᠩ ᠲᠣᠭᠤᠷᠢᠭ ᠢ ᠬᠦᠴᠦᠷᠭᠡᠭᠵᠢᠭᠦᠯᠬᠦ ᠲᠦᠯᠦᠪᠯᠡᠭᠡ ᠬᠡᠷᠡᠭᠵᠢᠭᠦᠯᠵᠣ ᠪᠠᠶᠢᠭ᠎ᠠ ᠲᠣᠬᠢᠶᠠᠯ ᠢ | ᠪᠠᠳᠦ ᠡᠵᠡᠮᠳᠡᠵᠣ᠂ ᠬᠦᠷᠢᠶᠡᠯᠠᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠨᠢᠭᠡᠳᠦᠯᠳᠡᠢ ᠠᠬᠢᠭᠤᠯᠵᠣ᠂ ᠬᠦᠷᠢᠶᠡᠯᠠᠩ ᠲᠣᠭᠤᠷᠢᠭ ᠤᠨ | ᠠᠴᠢᠶᠠᠯᠠᠬᠤ ᠴᠢᠳᠠᠪᠦᠷᠢ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ | ᠲᠦᠷᠦᠯ ᠵᠣᠶᠢᠯ ᠣᠷᠣᠭᠤᠯᠣᠨ ᠨᠦᠭᠡᠴᠡᠯᠡᠭᠦ ᠪᠠᠨ ᠴᠢᠩᠭᠠᠳᠬᠠᠨ᠎ᠠ᠃ ᠣᠯᠣᠰ ᠤᠨ ᠠᠵᠣ ᠣᠶᠢᠯᠠᠰ ᠤᠨ ᠲᠦᠷᠦ ᠶᠢᠨ ᠪᠣᠳᠣᠯᠭ᠎ᠠ ᠶᠢᠨ ᠬᠠᠨᠳᠣᠰᠢ ᠶᠢ | ᠡᠵᠡᠮᠳᠡᠵᠣ᠂ ᠣᠳᠣ ᠪᠠᠶᠢᠭ᠎ᠠ ᠠᠷᠠᠯᠵᠢᠶᠠᠴᠢᠨ ᠣᠷᠢᠵᠣ ᠪᠡᠯᠡ ᠲᠠᠳᠠᠬᠤ ᠪᠣᠳᠣᠯᠭ᠎ᠠ ᠪᠣᠯᠣᠨ ᠲᠣᠭᠳᠠᠴᠠ ᠪᠠᠨ ᠣᠯᠠᠮ ᠲᠡᠭᠦᠯᠳᠡᠷᠵᠢᠭᠦᠯᠦᠨ᠂ ᠠᠷᠠᠯᠵᠢᠶᠠᠴᠢᠨ ᠣᠷᠢᠬᠤ | ᠲᠣᠰᠬᠠᠢ ᠡᠩᠨᠡᠭᠡ ᠪᠠᠶᠢᠭᠤᠯᠵᠣ᠂ ᠮᠠᠯ ᠲᠠᠷᠢᠶᠠᠯᠠᠩ ᠤᠨ ᠪᠥᠳᠥᠭᠡᠭᠳᠡᠭᠦᠨ ᠤ ᠨᠠᠷᠢᠯᠢᠭ ᠡᠳ᠋ᠰᠢᠭᠦᠯᠦᠯᠳᠡ᠂ ᠨᠡᠭᠦᠷᠡᠰᠣᠨ ᠬᠢᠮᠢ᠂ ᠣᠳᠣ ᠦᠶ᠎ᠡ ᠶᠢᠨ ᠪᠣᠳᠠᠰ ᠤᠨ | ᠭᠦᠢᠯᠭᠡᠭᠡ᠂ ᠰᠦᠯᠵᠢᠶᠡᠨ ᠬᠤᠳᠠᠯᠳᠤᠭ᠎ᠠ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠭᠤᠣᠯᠯᠠᠭᠴᠢ ᠠᠵᠣ ᠣᠶᠢᠯᠠᠰ ᠤᠨ ᠲᠡᠰᠵᠢᠭᠰᠡᠨ᠂ ᠬᠡᠯᠬᠢᠶᠡᠵᠢᠭᠰᠡᠨ᠂ | ᠣᠷᠳᠣᠰᠬᠠᠨ ᠨᠦᠬᠦᠪᠦᠷᠢᠯᠡᠬᠦ ᠲᠦᠷᠦᠯ ᠵᠣᠶᠢᠯ ᠪᠣᠯᠣᠨ ᠲᠠᠭᠠᠯᠳᠠ ᠦᠷᠳᠡᠭ ᠦᠨᠳᠦᠷ ᠲᠦᠷᠦᠯ ᠵᠣᠶᠢᠯ ᠢ ᠰᠣᠩᠭᠤᠨ ᠣᠷᠣᠭᠤᠯᠵᠣ᠂ ᠲᠦᠷᠦᠯ ᠵᠣᠶᠢᠯ ᠤᠨ | ᠲᠣᠯᠭᠠᠭᠤᠷᠢᠯᠠᠬᠤ ᠬᠦᠴᠦᠨ ᠢ ᠨᠡᠮᠡᠭᠳᠡᠭᠦᠯᠦᠨ᠎ᠡ᠃ ᠬᠤᠳᠠ ᠶᠢᠨ ᠲᠡᠰ ᠤᠨ ᠠᠵᠣ ᠣᠶᠢᠯᠠᠰ ᠤᠨ ᠰᠠᠭᠤᠷᠢ ᠮᠦᠩᠭᠦ ᠶᠢ ᠢᠳᠡᠪᠬᠢᠳᠡᠢ ᠣᠯᠵᠣ᠂ ᠲᠦᠷᠦᠯ ᠵᠣᠶᠢᠯ ᠤᠨ | ᠠᠪᠴᠠᠯᠳᠣᠯ ᠢ ᠲᠡᠭᠡᠭᠰᠢᠯᠡᠭᠦᠯᠦᠨ᠂ ᠨᠢᠭᠡ ᠪᠦᠯᠦᠭ ᠣᠳᠣ ᠦᠶ᠎ᠡ ᠶᠢᠨ ᠣᠶᠢᠯᠡᠴᠢᠯᠡᠭᠡᠨ ᠤ ᠣᠶᠢᠯᠠᠰ᠂ ᠲᠡᠭᠡᠳᠦ ᠰᠢᠨ᠎ᠡ ᠮᠡᠷᠭᠡᠵᠢᠯ ᠤᠨ ᠠᠵᠣ ᠣᠶᠢᠯᠠᠰ ᠤᠨ ᠲᠦᠷᠦᠯ | ᠵᠣᠶᠢᠯ ᠢ ᠢᠳᠡᠪᠬᠢᠳᠡᠢ ᠣᠷᠣᠭᠤᠯᠵᠣ᠂ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠳᠠᠢ ᠰᠢᠨ᠎ᠡ ᠠᠵᠣ ᠣᠶᠢᠯᠠᠰ ᠤᠨ ᠲᠠᠯ᠎ᠠ ᠪᠠᠷ ᠰᠢᠨ᠎ᠡ ᠰᠢᠪᠳᠣᠯᠣᠯᠳᠠ | ᠭᠠᠷᠭᠠᠬᠤ ᠪᠠᠷ ᠴᠢᠷᠮᠡᠶᠢᠨ᠎ᠡ᠃ | ︵ᠭᠤᠷᠪᠠ︶ ︽ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠲᠠᠢ ᠮᠠᠯᠴᠢᠨ ᠲᠠᠷᠢᠶᠠᠴᠢᠨ︾ ᠤ | ᠢᠨᠵᠧᠨᠧᠷᠢᠩ ᠢ ᠭᠦᠨᠵᠡᠭᠡᠢ ᠦᠷᠭᠡᠳᠬᠡᠵᠣ᠂ ᠬᠦᠳᠡᠭᠡ ᠨᠣᠳᠤᠭ ᠢ ᠪᠦᠬᠦ ᠲᠠᠯ᠎ᠠ ᠪᠠᠷ ᠬᠦᠴᠦᠷᠭᠡᠭᠵᠢᠭᠦᠯᠦᠨ᠎ᠡ᠃ ᠬᠦᠳᠡᠭᠡ ᠨᠣᠳᠤᠭ ᠢ ᠬᠦᠴᠦᠷᠭᠡᠭᠵᠢᠭᠦᠯᠬᠦ | ᠪᠠᠶᠢᠯᠳᠣᠬᠤ ᠪᠣᠳᠣᠯᠭ᠎ᠠ ᠶᠢᠨ ᠬᠡᠷᠡᠭᠵᠢᠭᠦᠯᠬᠦ ᠰᠠᠨᠠᠯ ᠢ ᠰᠢᠨᠵᠢᠯᠡᠬᠦ ᠤᠬᠠᠭᠠᠨᠴᠢ ᠪᠠᠷ ᠲᠣᠭᠳᠠᠭᠠᠵᠣ᠂ ᠬᠤᠳᠠ ᠬᠦᠳᠡᠭᠡ ᠶᠢᠨ ᠠᠭᠤᠰᠣᠯᠴᠠᠯ ᠬᠦᠭᠵᠢᠯᠳᠡ ᠶᠢᠨ | ᠲᠣᠭᠳᠠᠴᠠ ᠶᠢ ᠲᠡᠭᠦᠯᠳᠡᠷᠵᠢᠭᠦᠯᠦᠨ᠂ ᠬᠦᠳᠡᠭᠡ ᠨᠣᠳᠤᠭ ᠤᠨ ᠬᠦᠴᠦᠷᠭᠡᠭᠵᠢᠯ ᠬᠢᠭᠡᠳ ᠬᠡᠪ ᠴᠢᠨᠰᠠᠭᠠᠳᠦ ᠬᠤᠳᠠ ᠪᠠᠯᠭᠠᠰᠦ ᠬᠠᠷᠢᠯᠴᠠᠨ ᠠᠬᠢᠭᠤᠯᠣᠭᠰᠠᠨ ᠪᠠᠶᠢᠳᠠᠯ ᠢ | ᠪᠣᠢ ᠪᠣᠯᠭᠠᠨ᠎ᠠ᠃ | ᠣᠳᠣ ᠦᠶ᠎ᠡ ᠶᠢᠨ ᠮᠠᠯ ᠲᠠᠷᠢᠶᠠᠯᠠᠩ ᠢ ᠰᠢᠯᠢᠳᠡᠭᠵᠢᠭᠦᠯᠦᠨ᠎ᠡ᠃ ᠴᠢᠨᠠᠷᠯᠢᠭ᠂ ᠪᠣᠬᠢᠷᠳᠣᠯ ᠦᠭᠡᠢ ᠮᠠᠯ ᠲᠠᠷᠢᠶᠠᠯᠠᠩ ᠢ ᠬᠦᠭᠵᠢᠭᠦᠯᠦᠨ ᠦᠷ᠎ᠡ ᠠᠰᠢᠭ ᠢ ᠲᠡᠷᠢᠭᠦᠨ | ᠳᠤ ᠲᠠᠯᠪᠢᠵᠣ᠂ ᠮᠠᠯ ᠲᠠᠷᠢᠶᠠᠯᠠᠩ ᠤᠨ ᠣᠳᠣᠬᠢᠴᠢᠯᠠᠭᠰᠠᠨ ᠠᠵᠣ ᠣᠶᠢᠯᠠᠰ ᠤᠨ ᠰᠢᠰᠲ᠋ᠧᠮ ᠢ ᠪᠦᠷᠢᠯᠳᠦᠭᠦᠯᠦᠨ᠎ᠡ᠃ ︽ᠣᠨᠴᠠᠯᠢᠭ︾ ᠢ ᠲᠣᠪᠣᠶᠢᠯᠭᠠᠨ | ᠪᠦᠳᠦᠭᠡᠭᠳᠡᠭᠦᠨ ᠤ ᠪᠦᠳᠦᠴᠠ ᠶᠢ ᠰᠢᠯᠢᠳᠡᠭᠵᠢᠭᠦᠯᠵᠣ᠂ ᠪᠦᠳᠦᠴᠠ ᠶᠢᠨ ᠲᠣᠭᠢᠷᠠᠭᠤᠯᠣᠯᠳᠠ ᠶᠢᠨ ᠭᠤᠷᠪᠠᠨ ᠵᠢᠯ ᠤᠨ ᠰᠢᠪᠳᠣᠯᠣᠯᠳᠠ ᠶᠢᠨ ᠠᠵᠢᠯᠯᠠᠭ᠎ᠠ ᠦᠷᠨᠢᠭᠦᠯᠵᠣ | ᠂ ︽ᠮᠠᠯ ᠲᠠᠷᠢᠶᠠᠯᠠᠩ ᠤᠨ ᠴᠢᠨᠠᠷ ᠰᠠᠶᠢᠳᠠᠢ ᠪᠦᠳᠦᠭᠡᠭᠳᠡᠭᠦᠨ ᠤ ᠣᠶᠢᠯᠠᠳᠪᠦᠷᠢᠯᠠᠯ ᠤᠨ ᠰᠠᠭᠤᠷᠢᠨ ᠭᠠᠵᠠᠷ︾ ᠤᠨ ᠪᠠᠶᠢᠭᠤᠯᠣᠯᠳᠠ ᠶᠢᠨ ᠲᠦᠯᠦᠪᠵᠢᠭᠦᠯᠭᠡ | ᠲᠣᠭᠳᠠᠭᠠᠨ᠂ ᠰᠦᠯᠢᠶᠣᠣ ᠬᠦᠯᠡᠮᠵᠢ ᠪᠠᠷ ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠣ᠂ ᠪᠦᠷᠢᠨ ᠰᠢᠮᠡᠳᠦ ᠢᠳᠡᠰᠢᠨ ᠨᠣᠭᠤᠭ᠎ᠠ | ᠲᠠᠷᠢᠬᠤ᠂ ᠦᠨᠳᠦᠷ ᠣᠨᠠᠯᠳᠠᠳᠦ ᠪᠦᠢᠵᠢᠭᠤᠯᠣᠯᠳᠠ᠂ ᠮᠠᠯ ᠤᠨ ᠡᠭᠦᠯᠳᠡᠷ ᠰᠠᠶᠢᠵᠢᠷᠠᠭᠤᠯᠣᠯᠳᠠ ᠵᠡᠷᠭᠡ ᠲᠡᠷᠢᠬᠦᠨ ᠤ ᠮᠡᠷᠭᠡᠵᠢᠯ ᠲᠦᠭᠡᠮᠡᠯᠵᠢᠭᠦᠯᠵᠣ᠂ ᠲᠣᠰ ᠵᠢᠯ ᠳᠤ | 1.5 ᠲᠥᠮᠡᠨ ᠮᠣ᠋ ᠣᠨᠴᠠᠯᠢᠭᠳᠦ ᠠᠵᠣ ᠠᠬᠤᠢ ᠶᠢᠨ ᠲᠠᠷᠢᠮᠠᠯ᠂ 2 ᠲᠦᠮᠡᠨ ᠮᠣ᠋ ᠴᠢᠨᠠᠷ ᠰᠠᠶᠢᠳᠠᠢ ᠲᠡᠵᠢᠭᠡᠯ ᠪᠣᠷᠳᠤᠭ᠎ᠠ ᠲᠠᠷᠢᠵᠣ᠂ ᠠᠯᠠᠰᠢᠨ ᠦᠭᠡᠷ ᠤᠨ | ᠠᠷᠠᠴᠢᠯᠠᠭ᠎ᠠ ᠶᠢᠨ ᠬᠡᠪᠴᠢᠶᠡᠵᠢᠯ ᠢ 13 ᠲᠦᠮᠡᠨ ᠲᠣᠯᠣᠭᠠᠢ ᠳᠤ ᠬᠦᠷᠭᠡᠨ᠂ ᠮᠠᠯ ᠲᠠᠷᠢᠶᠠᠯᠠᠩ ᠤᠨ ᠴᠢᠨᠠᠷ ᠰᠠᠶᠢᠳᠠᠢ ᠪᠦᠳᠦᠭᠡᠭᠳᠡᠭᠦᠨ ᠤ ᠬᠠᠩᠭᠠᠯᠠᠭ᠎ᠠ ᠶᠢ | ᠨᠡᠮᠡᠭᠳᠡᠭᠦᠯᠦᠨ᠎ᠡ᠃ ︽ᠪᠣᠬᠢᠷᠳᠣᠯ ᠦᠭᠡᠢ︾ ᠶᠢ ᠲᠣᠪᠣᠶᠢᠯᠭᠠᠨ᠂ ᠣᠶᠢᠯᠠᠳᠪᠦᠷᠢᠯᠠᠯ ᠤᠨ ᠬᠡᠯᠪᠡᠷᠢ ᠶᠢ ᠲᠣᠬᠢᠷᠠᠭᠤᠯᠵᠣ᠂ ᠲᠣᠰ ᠵᠢᠯ ᠳᠤ ︽ᠭᠤᠷᠪᠠᠨ ᠪᠦᠳᠦᠭᠡᠭᠳᠡᠭᠦᠨ | ᠨᠢᠭᠡ ᠢᠯᠡᠳᠬᠡᠯ ᠲᠠᠩᠰᠠᠯᠠᠯᠳᠠ︾ ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠢ ᠰᠢᠨ᠎ᠡ ᠪᠠᠷ 8 ᠭᠡᠷᠡᠴᠢᠯᠡᠭᠦᠯᠵᠣ᠂ ︽ᠣᠳᠤᠭ ᠤᠨ ᠡᠮᠦᠨᠡᠳᠦ ᠬᠤᠰᠢᠭᠤᠨ ᠤ ᠮᠠᠯ | ᠤᠨ ᠮᠢᠬ᠎ᠠ︾ ᠵᠡᠷᠭᠡ ᠲᠡᠮᠳᠡᠭ ᠢᠯᠡᠷᠬᠡᠶᠢᠯᠡᠯ ᠢ ᠬᠠᠮᠳᠦ ᠪᠠᠷ ᠡᠳ᠋ᠯᠡᠬᠦ ᠶᠢ ᠵᠣᠷᠢᠭᠵᠢᠭᠤᠯᠣᠨ᠂ ᠪᠦᠯᠬᠦᠮ ᠪᠠᠶᠢᠭᠤᠯᠣᠨ ᠰᠤᠳᠤᠨ ᠣᠶᠢᠯᠠᠳᠬᠦᠨ ᠢᠶᠠᠷ ᠵᠠᠬ᠎ᠠ ᠲᠡᠯᠭᠡᠭᠦᠷ | ᠨᠡᠭᠡᠭᠡᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠭᠡᠳᠡᠷᠬᠦ ᠨᠡᠭᠡᠮᠵᠢᠯᠡᠬᠦ ᠰᠢᠰᠲ᠋ᠧᠮ ᠪᠣᠯᠣᠨ ᠴᠢᠨᠠᠷ ᠤᠨ ᠠᠶᠣᠯᠬᠦᠢ ᠪᠠᠷᠢᠮᠵᠢᠶᠠᠨ ᠤ ᠰᠢᠰᠲ᠋ᠧᠮ ᠢ | ᠲᠦᠬᠦᠷᠵᠢᠬᠦᠯᠦᠨ ᠲᠡᠭᠦᠯᠳᠡᠷᠵᠢᠭᠦᠯᠵᠣ᠂ 3 ᠲᠦᠮᠡᠨ ᠲᠣᠯᠣᠭᠠᠢ ᠠᠯᠠᠰᠢᠨ ᠪᠤᠭ ᠮᠠᠯ᠂ 2000 ᠲᠣᠯᠣᠭᠠᠢ ᠠᠯᠠᠰᠢᠨ ᠦᠭᠡᠷ ᠤᠨ ᠭᠡᠳᠡᠷᠬᠦ ᠨᠡᠬᠡᠮᠵᠢᠯᠡᠯ ᠢ | ᠪᠡᠶᠡᠯᠡᠭᠦᠯᠵᠣ᠂ ᠪᠦᠬᠦ ᠬᠤᠰᠢᠭᠤ ᠶᠢ ᠬᠠᠮᠣᠷᠠᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠦᠷᠭᠡᠨ ᠪᠠᠶᠢᠴᠠᠭᠠᠯᠳᠠ ᠶᠢᠨ ᠰᠢᠰᠲ᠋ᠧᠮ ᠢ ᠪᠠᠶᠢᠭᠤᠯᠣᠨ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠶᠣᠯᠭᠦᠢ ᠲᠠᠭᠤᠷᠢᠶᠠᠯ ᠬᠤᠰᠢᠭᠤ ᠶᠢ ᠴᠣᠭᠴᠠᠯᠠᠨ᠎ᠠ᠃ ︽ᠨᠠᠷᠢᠯᠢᠭ︾ ᠢ ᠲᠣᠪᠣᠶᠢᠯᠠᠭᠠᠨ ᠠᠵᠣ ᠣᠶᠢᠯᠠᠰ ᠤᠨ | ᠰᠢᠰᠲ᠋ᠧᠮ ᠢ ᠬᠦᠴᠦᠷᠭᠡᠭᠵᠢᠭᠦᠯᠵᠣ᠂᠂ ︽ᠪᠦᠬᠦ ᠭᠤᠭᠴᠤᠭ᠎ᠠ ᠪᠠᠷ ᠲᠡᠰᠵᠢᠭᠦᠯᠬᠦ᠂ ᠪᠦᠬᠦ ᠬᠡᠯᠬᠢᠶ᠎ᠡ ᠪᠠᠷ ᠦᠷᠳᠡᠭ ᠨᠡᠮᠡᠭᠳᠡᠭᠦᠯᠬᠦ︾ ᠦᠵᠡᠯᠳᠡ ᠪᠠᠷ ᠣᠳᠣ ᠪᠠᠶᠢᠭ᠎ᠠ | ᠲᠣᠯᠣᠭᠠᠶᠢᠯᠠᠴᠢ ᠠᠵᠣ ᠠᠬᠤᠶᠢᠯᠠᠯ ᠤᠨ ᠶᠡᠷᠦᠩᠬᠡᠶᠢᠯᠡᠭᠰᠡᠨ ᠪᠣᠳᠠᠳᠦ ᠬᠦᠴᠦᠨ ᠢ ᠲᠡᠭᠡᠭᠰᠢᠯᠡᠭᠦᠯᠦᠭᠰᠡᠨ ᠰᠠᠭᠤᠷᠢᠨ ᠲᠡᠭᠡᠷ᠎ᠡ ᠠᠵᠣ ᠣᠶᠢᠯᠠᠰ ᠤᠨ ᠲᠣᠯᠣᠭᠠᠶᠢᠯᠠᠴᠢ | ᠠᠵᠣ ᠠᠬᠤᠶᠢᠯᠠᠯ 4᠂ ᠠᠮᠢ ᠠᠬᠤᠶᠢᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 60 ᠨᠡᠮᠡᠨ ᠪᠣᠶᠢᠵᠢᠭᠤᠯᠵᠣ᠂ 15 ᠮᠡᠯ ᠲᠠᠷᠢᠶᠠᠯᠠᠩ ᠤᠨ ᠬᠠᠮᠳᠣᠷᠠᠯ ᠬᠤᠷᠰᠢᠶ᠎ᠠ | ᠶᠢ ᠭᠤᠣᠯᠳᠠᠯᠭ᠎ᠠ ᠲᠠᠢ ᠲᠡᠮᠵᠢᠵᠣ᠂ ᠮᠠᠯᠴᠢᠨ ᠲᠠᠷᠢᠶᠠᠴᠢᠨ ᠪᠣᠯᠣᠨ ᠠᠵᠣ ᠠᠬᠤᠶᠢᠯᠠᠯ ᠤᠨ ᠠᠰᠢᠭ ᠲᠣᠰᠠ ᠶᠢᠨ ᠬᠤᠯᠪᠣᠭᠠᠯᠠᠯ ᠤᠨ ᠲᠣᠭᠳᠠᠴᠠ ᠶᠢᠨ ᠪᠦᠷᠬᠦᠴᠠ | ᠪᠣᠯᠣᠨ ᠪᠦᠳᠦᠮᠵᠢ ᠶᠢ ᠲᠡᠭᠡᠭᠰᠢᠯᠡᠭᠦᠯᠦᠨ᠂ ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠲᠦᠷᠭᠡᠨ ᠲᠠᠮᠵᠢᠯᠳᠡ ᠶᠢᠨ ᠬᠡᠯᠬᠢᠶ᠎ᠡ ᠪᠠᠶᠢᠭᠤᠯᠣᠨ᠂ ᠮᠡᠷᠭᠡᠵᠢᠯ ᠤᠨ | ᠰᠢᠨᠡᠴᠢᠯᠡᠯ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠣᠨ᠎ᠠ᠃ ᠲᠣᠮᠳᠠᠳᠦ ᠣᠯᠣᠰ ᠤᠨ ᠸᠠᠩ ᠺᠦ᠋᠂ ᠯᠧ ᠼᠥᠨ ᠲᠤᠤ ᠵᠡᠷᠭᠡ ᠨᠡᠷᠡᠳᠦ | ᠰᠦᠯᠵᠢᠶᠡᠨ ᠬᠤᠳᠠᠯᠳᠣᠭᠠᠨ ᠤ ᠲᠠᠪᠴᠠᠩ ᠤᠨ ᠣᠶᠢᠯᠠᠳᠣᠯ ᠢ ᠪᠠᠳᠠᠷᠠᠭᠤᠯᠵᠣ᠂ ᠣᠷᠣᠨ ᠠᠯᠣᠰᠯᠠᠭᠰᠠᠨ ᠮᠠᠯ ᠲᠠᠷᠢᠶᠠᠨ ᠪᠦᠳᠦᠭᠡᠭᠳᠡᠭᠦᠨ ᠤ ᠭᠥᠷᠥᠭᠡᠨ ᠲᠠᠮᠵᠢᠭᠤᠯᠬᠤ | ᠰᠢᠰᠲ᠋ᠧᠮ ᠪᠣᠯᠣᠨ ᠡᠵᠡᠩᠨᠡᠨ ᠪᠣᠷᠣᠯᠠᠭᠤᠯᠬᠤ ᠰᠢᠰᠲ᠋ᠧᠮ ᠢ ᠪᠦᠷᠢᠯᠳᠦᠭᠦᠯᠵᠣ᠂ ᠮᠠᠯᠴᠢᠨ ᠲᠠᠷᠢᠶᠠᠴᠢᠨ ᠡᠷᠦᠬᠡ ᠶᠢᠨ ᠵᠢᠵᠢᠭ ᠣᠶᠢᠯᠡᠳᠪᠦᠷᠢᠯᠠᠯ ᠬᠢᠭᠡᠳ ᠲᠣᠮᠣ ᠵᠬᠠ | ᠲᠡᠯᠭᠡᠭᠦᠷ ᠢ ᠪᠦᠳᠦᠮᠵᠢᠳᠠᠢ ᠠᠪᠴᠠᠯᠳᠣᠭᠤᠯᠣᠨ᠎ᠠ᠃ | ᠠᠮᠢ ᠠᠬᠤᠶᠢᠴᠢ ᠣᠷᠣᠰᠢᠨ ᠰᠠᠭᠤᠬᠤ ᠳᠤ ᠲᠣᠬᠢᠯᠢᠭ ᠭᠡᠷ ᠨᠤᠳᠤᠭ ᠢᠶᠠᠨ ᠴᠤᠭᠴᠠᠯᠠᠨ᠎ᠠ᠃ ᠬᠡᠪ ᠴᠢᠨᠰᠠᠭᠠᠳᠦ ᠬᠤᠳᠠ ᠪᠠᠯᠭᠠᠰᠣᠨ ᠤ ᠪᠠᠶᠢᠭᠤᠯᠣᠯᠳᠠ ᠶᠢ | ᠠᠬᠢᠭᠤᠯᠵᠣ᠂ ᠲᠦᠬᠦᠷ ᠲᠦᠬᠦᠭᠡᠷᠦᠮᠵᠢ ᠶᠢᠨ ᠲᠡᠭᠦᠯᠳᠡᠷᠵᠢᠭᠦᠯᠦᠯᠳᠡ ᠪᠠᠷ ᠭᠤᠣᠯᠳᠠᠯᠭ᠎ᠠ ᠪᠣᠯᠭᠠᠨ᠂ ᠵᠠᠮ ᠵᠠᠭᠡᠯᠢ᠂ ᠲᠣᠣᠷ ᠬᠤᠭᠤᠯᠠᠢ᠂ ᠪᠣᠬᠢᠷ ᠣᠰᠣ ᠰᠢᠢᠳᠪᠦᠷᠢᠯᠡᠬᠦ | ᠂ ᠵᠡᠭᠡᠯᠢ ᠲᠠᠭᠠᠤ ᠭᠡᠷ ᠪᠠᠶᠢᠰᠢᠩ ᠢ ᠦᠭᠡᠷᠡᠴᠢᠯᠡᠬᠦ ᠵᠡᠷᠭᠡ ᠬᠤᠳᠠ ᠶᠢᠨ ᠶᠠᠪᠣᠳᠠᠯ ᠤᠨ ᠭᠤᠣᠯᠳᠠᠯᠭᠠᠳᠦ ᠪᠠᠶᠢᠭᠤᠯᠣᠯᠳᠠ ᠶᠢ ᠬᠡᠷᠡᠭᠵᠢᠭᠦᠯᠵᠣ᠂ ᠣᠯᠵᠠᠴᠢ᠂ | ᠪᠣᠷᠣᠪᠠᠯᠭᠠᠰᠦ ᠶᠢᠨ ᠬᠠᠭᠤᠴᠢᠨ ᠣᠷᠣᠨ ᠰᠠᠭᠤᠴᠠ ᠶᠢᠨ ᠦᠭᠡᠷᠡᠴᠢᠯᠡᠯᠳᠡ ᠶᠢ ᠰᠠᠶᠢᠳᠦᠷ ᠠᠳᠬᠤᠵᠣ᠂ ᠬᠤᠳᠠ ᠪᠠᠯᠭᠠᠰᠣᠨ ᠤ ᠲᠦᠷᠢ ᠲᠦᠷᠬᠦ ᠬᠡᠪ ᠴᠢᠨᠰᠠᠭ᠎ᠠ ᠶᠢ | ᠲᠡᠭᠡᠭᠰᠢᠯᠡᠭᠦᠯᠦᠨ᠎ᠡ︔ ᠣᠶᠣᠨᠴᠢ ᠡᠮᠦᠨᠡᠳᠦ ᠣᠳᠤᠭ ᠤᠨ ᠪᠠᠶᠢᠭᠤᠯᠣᠯᠳᠠ ᠪᠠᠷ ᠠᠴᠢᠶᠠᠯᠠᠭᠴᠢ ᠪᠣᠯᠭᠠᠨ᠂ ᠲᠣᠭᠠᠴᠠᠯᠭᠰᠠᠨ ᠬᠤᠳᠠ ᠶᠢᠨ ᠬᠠᠮᠢᠶᠠᠷᠣᠯᠳᠠ ᠶᠢᠨ | ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠬᠡᠨ᠂ ᠣᠷᠴᠢᠨ ᠲᠣᠭᠤᠷᠢᠨ ᠤ ᠵᠠᠰᠠᠯᠳᠠ ᠪᠣᠯᠣᠨ ᠬᠤᠳᠠ ᠶᠢᠨ ᠶᠠᠪᠣᠳᠠᠯ ᠤᠨ ᠬᠠᠮᠠᠭᠠᠯᠠᠯᠳᠠ ᠶᠢᠨ ᠲᠠᠭᠠᠭᠠᠮᠠᠭᠠᠢ | ᠲᠣᠭᠳᠠᠴᠠ ᠶᠢ ᠲᠡᠭᠦᠯᠳᠡᠷᠵᠢᠭᠦᠯᠦᠨ᠂ ᠠᠳᠠᠯ ᠠᠬᠤᠢ ᠶᠢᠨ ᠪᠠᠷᠢᠮᠵᠢᠶᠠᠳᠦ ᠬᠠᠮᠢᠶᠠᠷᠣᠯᠳᠠ ᠶᠢᠨ ᠵᠠᠭᠪᠣᠷ ᠢ ᠬᠡᠷᠡᠭᠵᠢᠭᠦᠯᠵᠣ᠂ ᠠᠳᠠᠯ ᠠᠬᠤᠢ ᠶᠢᠨ ᠬᠠᠮᠢᠶᠠᠷᠣᠯᠳᠠ ᠶᠢ | ᠰᠢᠯᠭᠠᠷᠠᠭᠤᠯᠣᠨ ᠲᠡᠰ ᠦᠨᠡᠯᠡᠬᠦ ᠲᠦᠷᠢᠮ ᠲᠣᠭᠳᠠᠭᠠᠨ᠂ ᠬᠤᠳᠠ ᠪᠠᠯᠭᠠᠰᠣᠨ ᠤ ᠨᠠᠷᠢᠯᠢᠭ ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠦᠵᠡᠰᠭᠦᠯᠡᠩᠳᠦ | ᠬᠦᠳᠡᠭᠡ ᠨᠣᠳᠤᠭ ᠤᠨ ᠪᠠᠶᠢᠭᠤᠯᠣᠯᠳᠠ ᠶᠢ ᠲᠡᠰ ᠲᠠᠪᠰᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠤ ᠴᠡᠭᠴᠡᠯᠡᠯᠳᠡ ᠶᠢᠨ ᠭᠤᠷᠪᠠᠨ | ᠵᠢᠯ ᠤᠨ ᠠᠵᠢᠯᠯᠠᠭ᠎ᠠ ᠶᠠᠪᠣᠭᠳᠠᠭᠤᠯᠵᠣ᠂ ᠬᠤᠭ ᠨᠣᠪᠰᠢ᠂ ᠪᠣᠬᠢᠷ ᠣᠰᠣ᠂ ᠵᠤᠷᠯᠤᠩ ᠤᠨ ᠲᠣᠰᠬᠠᠢ ᠴᠡᠭᠴᠡᠯᠡᠯᠳᠡ ᠶᠢ ᠰᠠᠶᠢᠳᠦᠷ ᠠᠳᠬᠤᠨ᠂ ᠣᠰᠣ ᠴᠠᠬᠢᠯᠭᠠᠨ ᠤ | ᠬᠠᠩᠭᠠᠯᠭ᠎ᠠ᠂ ᠮᠡᠳᠡᠭᠡ ᠵᠠᠩᠬᠢ ᠵᠡᠷᠭᠡ ᠰᠠᠭᠤᠷᠢ ᠲᠦᠬᠦᠷᠴᠢᠯᠡᠯᠳᠡ ᠶᠢ ᠤᠯᠠᠮ ᠰᠠᠶᠢᠵᠢᠷᠠᠭᠤᠯᠣᠨ᠎ᠠ︔ ᠬᠦᠮᠦᠵᠢᠯ ᠪᠣᠯᠪᠠᠰᠣᠷᠠᠯ᠂ ᠦᠨᠡᠯᠡᠨ ᠪᠠᠳᠣᠯᠠᠬᠤ ᠬᠠᠮᠢᠶᠠᠷᠣᠯᠳᠠ | ᠪᠣᠯᠣᠨ ᠲᠦᠷᠦ ᠶᠢᠨ ᠪᠣᠳᠣᠯᠭ᠎ᠠ ᠶᠢᠨ ᠲᠡᠮᠵᠢᠯᠡᠭᠡ ᠶᠢᠨ ︽ᠭᠤᠷᠪᠠ ᠶᠢ ᠴᠣᠭᠴᠠᠵᠢᠭᠤᠯᠣᠭᠰᠠᠨ︾ ᠪᠣᠯᠪᠠᠰᠣᠷᠠᠯ ᠤᠨ ᠰᠢᠰᠲ᠋ᠧᠮ ᠪᠠᠶᠢᠭᠤᠯᠣᠨ᠂ ᠮᠡᠷᠭᠡᠵᠢᠯ | ᠪᠣᠯᠪᠠᠰᠣᠷᠠᠯ ᠰᠠᠶᠢᠳᠠᠢ᠂ ᠣᠶᠢᠯᠠᠳᠪᠦᠷᠢᠯᠠᠯ ᠡᠵᠡᠩᠨᠡᠯᠳᠡ ᠳᠤ ᠴᠢᠳᠠᠮᠠᠭᠠᠢ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠦᠨ᠎ᠡ︔ ᠦᠪᠡᠷᠳᠡᠭᠡᠨ ᠵᠠᠰᠠᠬᠤ᠂ | ᠬᠠᠣᠯᠢ ᠪᠠᠷ ᠵᠠᠰᠠᠬᠤ᠂ ᠶᠤᠰᠤ ᠪᠠᠷ ᠵᠠᠰᠠᠬᠤ᠂ ᠬᠠᠮᠳᠦ ᠪᠠᠷ ᠵᠠᠰᠠᠬᠤ ᠶᠢ ᠣᠶᠠᠯᠳᠣᠭᠤᠯᠣᠭᠰᠠᠨ ᠬᠦᠳᠡᠭᠡ ᠲᠣᠰᠬᠤᠨ ᠤ ᠵᠠᠰᠠᠯᠳᠠ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠪᠠᠶᠢᠷᠢᠰᠢᠭᠤᠯᠣᠯᠳᠠ ᠲᠣᠬᠢᠯᠢᠭ᠂ ᠣᠷᠴᠢᠨ ᠲᠣᠬᠢᠯᠢᠭ᠂ ᠰᠣᠷᠳᠠᠯ ᠲᠣᠬᠢᠯᠢᠭ᠂ ᠠᠮᠢᠳᠣᠷᠠᠯ ᠲᠣᠬᠢᠯᠢᠭ ︽ᠲᠦᠷᠪᠡᠨ ᠲᠣᠬᠢᠯᠢᠭ︾ ᠬᠦᠳᠡᠭᠡ | ᠨᠣᠳᠤᠭ ᠢ ᠴᠣᠭᠴᠠᠯᠠᠨ᠎ᠠ᠃ | ︵ᠲᠦᠷᠪᠡ︶ ᠬᠦᠭᠵᠢᠯᠳᠡ ᠶᠢᠨ ᠬᠦᠳᠡᠯᠭᠡᠭᠴᠢ ᠬᠦᠴᠦᠨ ᠢ ᠡᠷᠴᠢᠮ ᠲᠠᠢ ᠬᠤᠪᠢᠷᠠᠭᠤᠯᠵᠣ᠂ ᠣᠶᠢᠯᠡᠴᠢᠯᠡᠭᠡᠨ ᠤ ᠣᠶᠢᠯᠠᠰ ᠢ ᠲᠡᠰ ᠲᠠᠪᠰᠢᠭᠤᠯᠣᠨᠠ᠃ | ᠬᠡᠷᠡᠭᠯᠡᠭᠡᠨ ᠤ ᠰᠢᠨ᠎ᠠ ᠬᠤᠪᠢᠷᠠᠯᠳᠠ ᠶᠢ ᠦᠨᠳᠦᠰᠦᠯᠡᠨ᠂ ᠣᠶᠢᠯᠠᠰ ᠠᠬᠤᠢ ᠶᠢᠨ ᠰᠣᠳᠣᠨ ᠲᠡᠮᠳᠡᠭ ᠢᠶᠠᠷ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠢ | ᠲᠣᠰᠬᠠᠶᠢᠵᠢᠯ᠂ ᠨᠠᠷᠢᠯᠢᠭᠵᠢᠯ᠂ ᠴᠢᠨᠠᠷᠵᠢᠯ ᠲᠡᠰᠢ ᠬᠤᠪᠢᠷᠠᠭᠤᠯᠣᠨ᠎ᠠ᠃ | ︽ᠦᠵᠡᠮᠵᠢ ᠶᠢᠨ ᠣᠷᠣᠨ ᠱᠣᠭᠤᠮ ᠪᠦᠰᠡ︾ ᠶᠢ ᠣᠶᠠᠯᠳᠣᠭᠤᠯᠣᠨ᠂ ᠪᠥᠭᠦ ᠴᠠᠷᠠᠭᠠᠨ ᠤ ᠵᠢᠭᠤᠯᠴᠢᠯᠠᠯ ᠢ ᠠᠮᠢᠳᠣᠯᠢᠭᠵᠢᠭᠤᠯᠣᠨ᠎ᠠ᠃ ᠦᠵᠡᠮᠵᠢ ᠶᠢᠨ | ᠣᠷᠣᠨ ᠢ ᠲᠡᠰ ᠲᠠᠪᠰᠢᠭᠤᠯᠣᠨ᠂ ᠨᠢᠩᠰᠢᠶᠠ ᠶᠢᠨ ᠵᠢᠭᠤᠯᠴᠢᠯᠠᠯ ᠤᠨ ᠲᠤᠭᠤᠷᠢᠭ ᠪᠤᠯᠤᠨ ᠲᠤᠷᠭᠠᠨ ᠵᠠᠮ ᠤᠨ ᠵᠢᠭᠤᠯᠴᠢᠯᠠᠯ ᠤᠨ ᠬᠤᠳᠠ ᠪᠠᠯᠭᠠᠰᠤᠨ ᠤ ᠬᠤᠯᠪᠤᠭᠠᠨ | ᠳᠤ ᠰᠠᠨᠠᠭᠠᠴᠢᠯᠠᠭᠠᠳᠠᠢ ᠪᠠᠭᠳᠠᠯᠴᠠᠨ᠂ ᠡᠬᠢ ᠰᠣᠷᠪᠣᠯᠵᠢ ᠶᠢ ᠬᠠᠮᠲᠣ ᠡᠳ᠋ᠯᠡᠭᠰᠡᠨ᠂ ᠲᠦᠷᠦ ᠶᠢᠨ ᠪᠣᠳᠣᠯᠭ᠎ᠠ ᠪᠠᠷ ᠬᠠᠷᠢᠯᠴᠠᠨ ᠬᠠᠷᠠᠭᠠᠯᠵᠠᠭᠰᠠᠨ᠂ ᠮᠡᠳᠡᠭᠡ ᠵᠠᠩᠬᠢ | ᠬᠠᠷᠢᠯᠴᠠᠨ ᠨᠡᠪᠲᠡᠷᠡᠯᠴᠡᠭᠰᠡᠨ ᠵᠢᠭᠤᠯᠴᠢᠯᠠᠯ ᠤᠨ ᠬᠠᠮᠳᠣᠷᠠᠯᠴᠠᠭᠠᠨ ᠤ ᠬᠦᠭᠵᠢᠯᠲᠡ ᠶᠢᠨ ᠰᠢᠨ᠎ᠡ ᠪᠠᠶᠢᠳᠠᠯ ᠢ ᠪᠣᠢ ᠪᠣᠯᠭᠠᠵᠣ᠂ ᠬᠤᠰᠢᠭᠤᠨ ᠤ ᠰᠤᠶᠤᠯ ᠵᠢᠭᠤᠯᠴᠢᠯᠠᠯ | ᠤᠨ ᠪᠥᠯᠥᠭᠯᠡᠯ ᠤᠨ ᠡᠬᠢ ᠰᠤᠷᠪᠤᠯᠵᠢ ᠶᠢ ᠴᠡᠭᠴᠡᠵᠢᠭᠦᠯᠥᠨ᠂ ᠲᠠᠶᠢᠴᠢᠯᠠᠨ ᠲᠠᠭᠠᠭᠤᠯᠬᠤ ᠥᠢᠯᠡᠳᠥᠯ ᠢ ᠨᠢ ᠭᠥᠢᠴᠡᠳ ᠪᠠᠳᠠᠷᠠᠭᠤᠯᠵᠤ᠂ ᠪᠠᠶᠠᠨ ᠰᠢᠪᠡᠷ ᠤᠨ ᠴᠠᠶᠢᠳᠠᠮ | ᠂ ᠬᠡᠷᠡᠮ ᠤᠨ ᠭᠤᠣᠯ ᠤᠨ ᠬᠤᠶᠢᠳᠦ ᠲᠣᠭᠤᠷᠢᠭ ᠵᠡᠷᠭᠡ ᠭᠤᠣᠯᠳᠠᠯᠭᠠᠳᠦ ᠦᠵᠡᠮᠵᠢ ᠶᠢᠨ ᠣᠷᠣᠨ ᠤ ᠨᠡᠭᠡᠭᠡᠯᠳᠡ ᠪᠠᠶᠢᠭᠤᠯᠣᠯᠳᠠ ᠶᠢ ᠲᠦᠷᠭᠡᠳᠬᠡᠵᠣ᠂ ᠶᠡᠭᠡ ᠲᠣᠯᠣᠨ | ᠂ ᠴᠠᠬᠢᠷᠮ᠎ᠠ ᠴᠡᠴᠡᠭᠳᠤ ᠲᠠᠯ᠎ᠠ ᠨᠣᠳᠤᠭ ᠵᠡᠷᠭᠡ ᠦᠵᠡᠮᠵᠢ ᠶᠢᠨ ᠣᠷᠣᠨ ᠤ ᠰᠠᠭᠤᠷᠢ ᠲᠦᠬᠦᠭᠡᠷᠦᠮᠵᠢ ᠶᠢᠨ ᠲᠦᠭᠦᠷᠵᠢᠯ ᠢ ᠲᠡᠭᠦᠯᠳᠡᠷᠵᠢᠭᠦᠯᠦᠨ᠂ ᠦᠵᠡᠮᠵᠢ ᠶᠢᠨ | ᠣᠷᠣᠨ ᠦᠵᠡᠮᠵᠢ ᠶᠢᠨ ᠴᠡᠭ ᠢ ᠰᠢᠰᠲ᠋ᠧᠮ ᠲᠠᠢ ᠲᠡᠰ ᠲᠠᠪᠰᠢᠭᠤᠯᠣᠨᠠ᠃ ᠦᠵᠡᠮᠵᠢ ᠶᠢᠨ ᠱᠣᠭᠤᠮ ᠢ ᠨᠡᠪᠳᠡᠷᠡᠭᠦᠯᠦᠨ᠂ ︽1 + 6︾ ᠬᠤᠪᠢᠰᠬᠠᠯᠳᠦ ᠬᠦᠮᠦᠵᠢᠯ | ᠪᠣᠯᠪᠠᠰᠣᠷᠠᠯ ᠤᠨ ᠰᠠᠭᠤᠷᠢᠨ ᠤ ᠡᠯ᠎ᠡ ᠣᠷᠳᠣᠨ ᠬᠦᠷᠢᠶᠡᠯᠡᠩ ᠤᠨ ᠪᠠᠶᠢᠷᠢᠯᠠᠭᠤᠯᠣᠯᠳᠠ ᠶᠢ ᠲᠡᠭᠦᠯᠳᠡᠷᠵᠢᠭᠦᠯᠵᠣ᠂ ᠣᠯᠣᠰ ᠤᠨ ᠲᠡᠰ ᠤᠨ ᠣᠯᠣᠰ ᠤᠨ ᠪᠠᠳᠣᠯᠠᠨ | ᠬᠠᠮᠭᠠᠯᠠᠯᠳᠠ ᠶᠢᠨ ᠬᠦᠮᠦᠵᠢᠯ ᠤᠨ ᠰᠠᠭᠤᠷᠢᠨ ᠢ ᠴᠣᠭᠴᠠᠯᠠᠬᠤ ᠪᠠᠷ ᠴᠢᠷᠮᠠᠶᠢᠵᠣ᠂ ᠬᠤᠪᠢᠰᠬᠠᠯᠳᠦ ᠵᠢᠭᠤᠯᠴᠢᠯᠠᠯ ᠤᠨ ᠠᠭᠤᠯᠠᠬᠤᠨ ᠪᠠ ᠬᠡᠯᠪᠡᠷᠢ ᠶᠢ ᠦᠷᠭᠡᠳᠬᠡᠨ | ᠪᠠᠶᠠᠯᠢᠭᠵᠢᠭᠤᠯᠵᠣ᠂ ᠭᠠᠷᠠᠭ ᠤᠨ ᠠᠮᠠᠷᠠᠯᠳᠠ ᠪᠠᠷ ᠵᠢᠭᠤᠯᠴᠢᠯᠠᠬᠤ᠂ ᠮᠠᠰᠢᠨ ᠪᠠᠷᠢᠵᠣ ᠵᠢᠭᠤᠯᠴᠢᠯᠠᠬᠤ ᠰᠣᠳᠣᠨ ᠵᠠᠮ ᠱᠣᠭᠤᠮ ᠢ ᠨᠡᠭᠡᠭᠡᠨ᠂ ᠦᠵᠡᠮᠵᠢ ᠰᠣᠨᠢᠷᠬᠠᠬᠤ | ᠵᠢᠭᠤᠯᠴᠢᠯᠠᠯ᠂ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠮᠠᠯᠵᠢᠬᠤ ᠨᠣᠳᠤᠭ ᠲᠠᠷᠢᠶᠠᠯᠠᠬᠤ ᠣᠷᠣᠨ ᠤ ᠵᠢᠭᠤᠯᠴᠢᠯᠠᠯ ᠵᠡᠷᠭᠡ ᠶᠢ ᠲᠦᠷᠭᠡᠨ ᠬᠦᠭᠵᠢᠭᠦᠯᠵᠣ᠂ ᠣᠯᠣᠰ | ᠤᠨ ᠪᠠᠷᠠᠭᠤᠨ ᠣᠷᠣᠨ ᠤ ᠬᠤᠪᠢᠰᠬᠠᠯᠳᠦ ᠵᠢᠭᠤᠯᠴᠢᠯᠠᠯ ᠤᠨ ᠲᠠᠭᠤᠷᠢᠶᠠᠯ ᠣᠷᠣᠨ ᠢ ᠪᠠᠶᠢᠭᠤᠯᠣᠨ᠎ᠠ᠃ ᠦᠵᠡᠮᠵᠢ ᠶᠢᠨ ᠪᠦᠰᠠ ᠶᠢᠨ ᠴᠢᠨᠠᠷᠵᠢᠯ ᠢ ᠲᠡᠭᠡᠭᠰᠢᠯᠡᠭᠦᠯᠥᠨ᠂ | ᠬᠦᠳᠡᠭᠡ ᠨᠣᠳᠤᠭ ᠤᠨ ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠣᠰᠬᠤᠨ ᠲᠠᠭᠤᠷᠢᠶᠠᠯ ᠡᠷᠦᠭᠡ ᠴᠣᠭᠴᠠᠯᠠᠬᠤ ᠵᠢᠯ ᠤᠨ ᠡᠭᠦᠷᠭᠡ ᠪᠠᠨ ᠪᠡᠶᠡᠯᠡᠭᠦᠯᠦᠨ᠂ ︽ | ᠪᠠᠶᠠᠰᠤᠯᠳᠤ ᠮᠠᠯᠵᠢᠯ ᠤᠨ ᠲᠠᠯᠠᠪᠠᠢ︾ ᠭᠥᠳᠡᠭᠡ ᠨᠤᠳᠤᠭ ᠤᠨ ᠵᠢᠭᠤᠯᠴᠢᠯᠠᠯ ᠤᠨ ᠨᠡᠷᠡᠳᠤ ᠲᠡᠮᠳᠡᠭ ᠢ ᠰᠡᠳᠦᠨ ᠬᠦᠭᠵᠢᠭᠦᠯᠵᠣ᠂ ᠡᠮᠨᠡᠵᠣ ᠰᠣᠪᠢᠯᠠᠬᠤ ᠶᠢ | ᠣᠶᠠᠯᠳᠣᠭᠤᠯᠬᠤ ᠲᠣᠷᠰᠢᠯᠳᠠ ᠶᠢᠨ ᠠᠵᠢᠯ ᠢ ᠭᠦᠨᠵᠡᠭᠡᠶᠢᠷᠡᠭᠦᠯᠵᠣ᠂ ︽ᠡᠮᠴᠢᠯᠡᠭᠡ᠂ ᠰᠣᠪᠢᠯᠠᠯᠳᠠ᠂ ᠡᠷᠡᠭᠦᠯᠵᠢᠯ᠂ ᠵᠢᠭᠤᠯᠴᠢᠯᠠᠯ᠂ ᠨᠠᠰᠣᠵᠢᠯ︾ ᠢ ᠨᠢᠭᠡᠳᠭᠡᠭᠰᠡᠨ | ᠡᠷᠡᠭᠦᠯ ᠡᠩᠬᠡ ᠶᠢᠨ ᠠᠵᠣ ᠣᠶᠢᠯᠠᠰ ᠢ ᠬᠦᠭᠵᠢᠭᠦᠯᠦᠨ᠂ ᠴᠠᠬᠢᠷᠮ᠎ᠠ ᠴᠡᠴᠡᠭ ᠤᠨ ᠨᠠᠶᠢᠷ᠂ ᠭᠤᠯᠣᠮᠳᠠ ᠭᠠᠯ ᠰᠣᠶᠣᠯ ᠤᠨ ᠨᠠᠶᠢᠷ ᠵᠡᠷᠭᠡ ᠪᠦᠬᠦ ᠴᠠᠷᠠᠭᠠᠨ ᠤ | ᠵᠢᠭᠤᠯᠴᠢᠯᠠᠯ ᠤᠨ ᠠᠵᠢᠯᠯᠠᠭᠠᠨ ᠤ ᠨᠡᠷᠡᠳᠦ ᠲᠡᠮᠳᠡᠭ ᠢ ᠬᠦᠴᠦᠷᠬᠡᠭᠵᠢᠭᠦᠯᠵᠣ᠂ ᠦᠭᠭᠢᠶᠡᠮᠣᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ ᠡᠮᠦᠨᠡᠳᠦ | ᠣᠳᠤᠭ ᠤᠨ ᠠᠯᠳᠠᠷᠰᠢᠯ ᠢ ᠲᠡᠭᠡᠭᠰᠢᠯᠡᠭᠦᠯᠦᠨ᠎ᠡ᠃ ᠪᠣᠳᠠᠳᠦ ᠴᠣᠭᠴᠠ ᠶᠢᠨ ᠠᠷᠠᠯᠵᠢᠶ᠎ᠠ ᠪᠣᠯᠣᠨ ᠰᠦᠯᠵᠢᠶᠠᠨ ᠬᠤᠳᠠᠯᠳᠤᠭ᠎ᠠ ᠶᠢ ᠬᠠᠮᠳᠦ ᠳᠤ ᠨᠢ ᠠᠳᠬᠤᠵᠣ᠂ | ᠠᠷᠠᠯᠵᠢᠶ᠎ᠠ ᠬᠤᠳᠠᠯᠳᠤᠭ᠎ᠠ ᠭᠦᠢᠯᠭᠡᠭᠡ ᠶᠢ ᠠᠮᠢᠳᠣᠯᠢᠭᠵᠢᠭᠤᠯᠣᠨ᠎ᠠ᠃ ᠤᠯᠵᠠᠴᠢ ᠪᠠᠯᠭᠠᠰᠤ ᠪᠤᠯᠤᠨ ᠱᠠᠩᠬᠠᠢ ᠶᠢᠨ ᠰᠥᠮ᠎ᠡ ᠪᠠᠯᠭᠠᠰᠤᠨ ᠤ ᠪᠤᠳᠠᠰ ᠤᠨ ᠭᠥᠢᠯᠭᠡᠭᠡ | ᠶᠢᠨ ᠭᠥᠷᠢᠶᠡᠯᠡᠩ ᠲᠤᠭᠤᠷᠢᠭ ᠶᠢ ᠪᠠᠶᠢᠭᠤᠯᠵᠣ᠂ ᠬᠦᠮᠦᠷᠭᠡᠯᠡᠬᠦ᠂ ᠬᠦᠷᠭᠡᠬᠦ᠂ ᠬᠦᠷᠦᠬᠡᠭᠦ ᠵᠡᠷᠭᠡ ᠪᠤᠳᠠᠰ ᠤᠨ ᠭᠥᠢᠯᠭᠡᠭᠡ ᠶᠢᠨ ᠣᠶᠢᠯᠠᠰ ᠢ ᠬᠦᠭᠵᠢᠭᠦᠯᠵᠣ᠂ ᠪᠠᠷᠠᠭ᠎ᠠ | ᠭᠦᠢᠯᠭᠡᠭᠡᠨ ᠤ ᠦᠪᠡᠷ ᠤᠨ ᠦᠷᠳᠡᠭ ᠢ ᠪᠠᠭᠤᠷᠠᠭᠤᠯᠣᠨ᠎ᠠ᠃ ᠢᠨᠲ᠋ᠧᠷ ᠰᠥᠯᠵᠢᠶᠡᠨ ᠤ ᠠᠵᠤ ᠠᠬᠤᠢ ᠶᠢᠨ ᠭᠥᠭᠵᠢᠯᠳᠡ ᠶᠢ ᠲᠥᠷᠭᠡᠳᠭᠡᠨ᠂ ᠰᠦᠯᠵᠢᠶᠡᠨ | ᠬᠤᠳᠠᠯᠳᠣᠭᠠᠨ ᠤ ᠠᠵᠣ ᠣᠶᠢᠯᠠᠰ ᠤᠨ ᠬᠦᠷᠢᠶᠡᠯᠠᠩ ᠢᠶᠠᠷ ᠲᠠᠪᠴᠠᠩ ᠪᠣᠯᠭᠠᠨ ᠲᠦᠷᠦ ᠶᠢᠨ ᠪᠣᠳᠣᠯᠭ᠎ᠠ ᠶᠢᠨ ᠲᠡᠮᠵᠢᠯᠭᠡ ᠪᠠᠨ ᠴᠢᠩᠭᠠᠳᠬᠠᠵᠣ᠂ ᠰᠥᠯᠵᠢᠶᠡᠨ | ᠠᠷᠠᠯᠵᠢᠶᠠᠨ ᠤ ᠨᠡᠷᠡᠳᠦ ᠲᠠᠪᠴᠠᠩ ᠯᠤᠭ᠎ᠠ ᠢᠳᠡᠪᠬᠢᠳᠡᠢ ᠬᠠᠷᠢᠯᠴᠠᠨ ᠣᠳᠤᠭ ᠤᠨ ᠡᠮᠦᠨᠡᠳᠦ ᠬᠤᠰᠢᠭᠤᠨ ᠤ ᠣᠷᠣᠨ ᠨᠣᠳᠤᠭ ᠤᠨ ᠣᠷᠳᠣᠨ᠂ ᠣᠨᠴᠠᠯᠢᠭᠳᠦ | ᠣᠷᠳᠣᠨ ᠵᠡᠷᠭᠡ ᠰᠦᠯᠵᠢᠶᠠᠨ ᠬᠤᠳᠠᠯᠳᠣᠭᠠᠨ ᠤ ᠬᠤᠰᠢᠭᠤᠴᠢ ᠲᠡᠯᠭᠡᠭᠦᠷ ᠨᠡᠭᠡᠭᠡᠨ᠂ ᠣᠷᠣᠨ ᠨᠣᠳᠤᠭ ᠤᠨ ᠣᠨᠴᠠᠯᠢᠭᠳᠦ ᠲᠠᠸᠠᠷ ᠢ ᠰᠦᠯᠵᠢᠶᠡᠨ ᠳᠤ ᠭᠠᠷᠭᠠᠵᠣ᠂ | ᠵᠢᠯ ᠤᠨ ᠰᠦᠯᠵᠢᠶᠡᠨ ᠪᠣᠷᠣᠯᠠᠭᠤᠯᠭ᠎ᠠ ᠶᠢ 3 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠠᠶᠢᠨ᠎ᠠ᠃ | ︵ᠲᠠᠪᠤ︶ ᠦᠭᠡᠷᠡᠴᠢᠯᠡᠯᠳᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠣ᠂ ᠬᠦᠭᠵᠢᠯᠳᠡ ᠶᠢᠨ ᠠᠮᠢᠳᠣᠯᠢᠭ ᠬᠦᠴᠦᠨ ᠢ ᠪᠠᠳᠠᠷᠠᠭᠤᠯᠣᠨ᠎ᠠ᠃ ᠦᠭᠡᠷᠡᠴᠢᠯᠡᠯᠳᠡ | ᠰᠢᠨᠡᠴᠢᠯᠡᠯᠳᠡ ᠪᠠᠷ ᠶᠠᠰᠣ ᠴᠢᠨᠠᠷ᠂ ᠦᠷ᠎ᠡ ᠠᠰᠢᠭ᠂ ᠬᠦᠳᠡᠯᠭᠡᠭᠴᠢ ᠬᠦᠴᠦᠨ ᠤ ᠬᠤᠪᠢᠰᠣᠯᠳᠠ ᠶᠢ ᠠᠬᠢᠭᠤᠯᠵᠣ᠂ ᠣᠯᠠᠨ ᠲᠦᠮᠡᠨ ᠳᠤ ᠨᠡᠩ ᠣᠯᠠᠨ | ᠦᠭᠡᠷᠡᠴᠢᠯᠡᠯᠳᠡ ᠰᠢᠨᠡᠴᠢᠯᠡᠯᠳᠡ ᠶᠢᠨ ᠦᠷ᠎ᠡ ᠪᠦᠳᠦᠭᠡᠯ ᠢ ᠡᠳ᠋ᠯᠡᠭᠦᠯᠦᠨ᠎ᠡ᠃ | ᠭᠤᠣᠯᠳᠠᠯᠭᠠᠳᠦ ᠬᠡᠪᠴᠢᠶᠡᠨ ᠤ ᠦᠭᠡᠷᠡᠴᠢᠯᠡᠯᠳᠡ ᠶᠢ ᠠᠬᠢᠭᠤᠯᠣᠨ᠎ᠠ᠃ ᠵᠠᠬ᠎ᠠ ᠲᠡᠯᠭᠡᠭᠦᠷ ᠤᠨ ᠵᠦᠪᠰᠢᠶᠡᠷᠡᠯ ᠤᠨ ᠨᠠᠵᠠᠭᠠᠢ ᠲᠠᠯ᠎ᠠ ᠶᠢᠨ ᠲᠠᠩᠰᠠᠨ ᠤ ᠲᠦᠷᠢᠮ | ᠤᠨ ᠦᠭᠡᠷᠡᠴᠢᠯᠡᠯᠳᠡ ᠬᠢᠵᠣ᠂ ︽ᠬᠤᠶᠠᠷ ᠢ ᠲᠤᠬᠢᠶᠠᠯᠳᠤᠯ ᠢᠶᠠᠷ᠂ ᠨᠢᠭᠡ ᠶᠢ ᠢᠯᠡᠰᠢᠭᠦᠯᠭᠦ︾ ᠬᠢᠨᠠᠯᠳᠠ ᠬᠠᠮᠢᠶᠠᠷᠣᠯᠳᠠ ᠶᠢᠨ ᠪᠦᠬᠦ ᠪᠦᠷᠬᠦᠴᠡ ᠶᠢ ᠠᠬᠢᠭᠤᠯᠣᠨ᠎ᠠ᠃ | ᠪᠠᠶᠢᠭᠤᠯᠣᠮᠵᠢ ᠶᠢᠨ ᠦᠭᠡᠷᠡᠴᠢᠯᠡᠯᠳᠠ ᠶᠢᠨ ᠡᠯ᠎ᠡ ᠲᠦᠷᠦᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ | ᠬᠠᠣᠯᠢ ᠬᠡᠷᠡᠭᠵᠢᠭᠦᠯᠬᠦ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠬᠠᠮᠢᠶᠠᠷᠣᠯᠳᠠ ᠶᠢᠨ ᠴᠢᠳᠠᠪᠬᠢ ᠶᠢ ᠲᠣᠬᠢᠷᠠᠭᠤᠯᠣᠨ ᠰᠢᠯᠢᠳᠡᠭᠵᠢᠭᠦᠯᠵᠣ᠂ | ᠬᠤᠯᠪᠣᠭᠠᠯᠠᠨ ᠬᠠᠣᠯᠢ ᠬᠡᠷᠡᠭᠵᠢᠭᠦᠯᠬᠦ ᠲᠣᠭᠳᠠᠴᠠ ᠶᠢ ᠲᠡᠭᠦᠯᠳᠡᠷᠵᠢᠭᠦᠯᠦᠨ᠂ ᠬᠠᠣᠯᠢ ᠬᠡᠷᠡᠭᠵᠢᠭᠦᠯᠬᠦ ᠦᠷ᠎ᠡ ᠠᠰᠢᠭ ᠢ ᠲᠡᠭᠡᠭᠰᠢᠯᠡᠭᠦᠯᠥᠨ᠎ᠡ᠃ ︽ᠪᠠᠭᠤᠯᠭᠠᠬᠤ | ᠬᠠᠮᠢᠶᠠᠷᠬᠤ ᠣᠶᠢᠯᠡᠴᠢᠯᠡᠬᠦ︾ ᠦᠭᠡᠷᠡᠴᠢᠯᠡᠯᠳᠡ ᠶᠢ ᠤᠯᠠᠮ ᠭᠦᠨᠵᠡᠭᠡᠶᠢᠷᠡᠭᠦᠯᠵᠣ᠂ ᠦᠨᠳᠦᠰᠦᠳᠡᠨ ᠤ ᠭᠠᠵᠠᠷ ᠣᠷᠣᠨ ᠤ ︽ᠲᠦᠷᠪᠡᠨ ᠣᠷᠣᠨ ᠲᠦᠷᠪᠡᠨ | ᠭᠦᠢᠴᠡᠳᠬᠡᠯ︾ ᠤᠨ ᠣᠶᠣᠨᠴᠢ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ ᠵᠠᠭᠪᠣᠷ ᠢ ᠠᠬᠢᠭᠤᠯᠵᠣ᠂ ᠮᠠᠨ ᠤ ᠬᠤᠰᠢᠭᠤ ᠪᠠᠨ ᠣᠯᠣᠰ ᠤᠨ ᠵᠠᠰᠠᠭ ᠤᠨ ᠶᠠᠪᠣᠳᠠᠯ | ᠤᠨ ᠣᠶᠢᠯᠡᠴᠢᠯᠡᠭᠡᠨ ᠤ ᠪᠠᠷᠢᠮᠵᠢᠶᠡᠴᠢᠯᠠᠭᠰᠠᠨ ᠲᠣᠷᠰᠢᠯᠳᠡ ᠶᠢᠨ ᠴᠡᠭ ᠪᠣᠯᠭᠠᠬᠤ ᠪᠠᠷ ᠴᠢᠷᠮᠡᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ︽ | ᠭᠤᠷᠪᠠᠨ ᠡᠷᠬᠡ ᠶᠢ ᠲᠤᠰᠠᠭᠠᠷᠯᠠᠬᠤ︾ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠣ᠂ ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠣᠭᠳᠠᠪᠦᠷᠵᠢᠭᠤᠯᠣᠨᠠ᠃ ᠰᠣᠶᠣᠯ᠂ | ᠰᠣᠷᠭᠠᠨ ᠬᠦᠮᠦᠵᠢᠯ᠂ ᠡᠷᠡᠬᠦᠯ ᠬᠠᠮᠠᠭᠠᠯᠠᠯ ᠵᠡᠷᠭᠡ ᠬᠡᠪᠴᠢᠶᠡᠨ ᠳᠠᠬᠢ ᠦᠭᠡᠷᠡᠴᠢᠯᠡᠯᠳᠡ ᠶᠢ ᠲᠦᠷᠭᠡᠳᠬᠡᠵᠣ᠂ ᠨᠡᠶᠢᠳᠡ ᠶᠢᠨ ᠣᠶᠢᠯᠡᠴᠢᠯᠡᠭᠡᠨ ᠤ ᠲᠡᠩᠴᠡᠭᠦᠷᠢᠰᠢᠯ᠂ | ᠨᠠᠷᠢᠯᠢᠭᠵᠢᠯ ᠢ ᠠᠬᠢᠭᠤᠯᠣᠨ᠎ᠠ᠃ | ᠴᠢᠯᠦᠭᠡᠳᠡᠢ ᠶᠠᠪᠣᠯᠴᠠᠨ ᠬᠠᠮᠳᠣᠷᠠᠯᠴᠠᠬᠤ ᠶᠢ ᠭᠦᠨᠵᠡᠭᠡᠶᠢᠷᠡᠭᠦᠯᠦᠨ᠎ᠡ᠃ ᠲᠠᠯ᠎ᠠ ᠨᠣᠳᠤᠭ ᠤᠨ ᠲᠣᠷᠭᠠᠨ ᠵᠠᠮ ᠤᠨ ᠬᠦᠭᠵᠢᠯᠳᠡ ᠶᠢᠨ ᠲᠠᠶᠢᠴᠢᠯᠠᠯ ᠢ | ᠰᠠᠨᠠᠭᠠᠴᠢᠯᠭ᠎ᠠ ᠲᠠᠢ ᠬᠦᠯᠢᠶᠡᠵᠣ᠂ ᠬᠦᠬᠡᠬᠤᠳᠠ ᠪᠣᠭᠤᠳᠣ ᠣᠷᠳᠣᠰ ᠤᠨ ᠠᠵᠣ ᠠᠬᠤᠢ ᠶᠢᠨ ᠲᠣᠭᠤᠷᠢᠭ ᠤᠨ ᠬᠠᠮᠳᠣᠷᠠᠯᠴᠠᠭᠠᠨ ᠳᠤ ᠢᠳᠡᠪᠬᠢᠯᠡᠵᠣ᠂ ᠣᠷᠣᠨ ᠪᠠᠶᠢᠷᠢ | ᠶᠢᠨ ᠲᠠᠪᠠᠭᠤᠯᠢᠭ ᠲᠤ ᠰᠠᠭᠤᠷᠢᠯᠠᠨ᠂ ᠦᠪᠦᠷ ᠮᠣᠩᠭᠤᠯ᠂ ᠱᠠᠨᠰᠢ᠂ ᠨᠢᠩᠰᠢᠶᠠ ᠶᠢᠨ ᠬᠦᠷᠰᠢ ᠣᠷᠣᠨ ᠯᠤᠭ᠎ᠠ ᠶᠢᠨ ᠡᠬᠢ ᠰᠣᠷᠪᠣᠯᠵᠢ ᠶᠢᠨ ᠨᠡᠭᠡᠭᠡᠯᠳᠡ᠂ ᠰᠢᠨᠵᠢᠯᠡᠭᠡ | ᠮᠡᠷᠭᠡᠵᠢᠯ ᠤᠨ ᠰᠢᠨᠡᠴᠢᠯᠡᠯ᠂ ᠨᠡᠶᠢᠭᠡᠮ ᠤᠨ ᠣᠶᠢᠯᠠᠰ᠂ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠵᠡᠷᠭᠡ ᠬᠡᠪᠴᠢᠶᠡᠨ ᠳᠠᠬᠢ ᠪᠣᠳᠠᠳᠠᠢ ᠬᠠᠮᠳᠣᠷᠠᠯᠴᠠᠭ᠎ᠠ ᠪᠠᠨ | ᠴᠢᠩᠭᠠᠳᠬᠠᠵᠣ᠂ ᠲᠠᠪᠠᠭᠤᠯᠢᠭ ᠢᠶᠠᠨ ᠨᠦᠬᠦᠪᠦᠷᠢᠯᠡᠨ ᠬᠦᠭᠵᠢᠵᠣ᠂ ᠦᠪᠦᠷ ᠮᠣᠩᠭᠤᠯ ᠤᠨ ᠪᠠᠷᠠᠭᠤᠨᠰᠢ ᠨᠡᠭᠡᠭᠡᠯᠳᠡ ᠶᠢᠨ ᠲᠡᠷᠢᠭᠦᠴᠢ ᠦᠷᠳᠡᠭᠡ ᠪᠣᠯᠬᠤ ᠪᠠᠷ | ᠴᠢᠷᠮᠠᠶᠢᠨ᠎ᠠ᠃ ᠠᠺᠠᠳᠧᠮᠢᠴᠢ ᠶᠢᠨ ᠠᠵᠢᠯ ᠤᠨ ᠦᠷᠳᠡᠭᠡ ᠳᠤ ᠲᠦᠰᠢᠭᠯᠡᠨ ᠮᠣᠩᠭᠤᠯ ᠣᠯᠣᠰ ᠯᠤᠭ᠎ᠠ ᠶᠢᠨ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ | ᠬᠦᠷᠢᠶ᠎ᠡ ᠬᠡᠪᠴᠢᠶᠡᠨ ᠳᠠᠬᠢ ᠬᠠᠮᠳᠣᠷᠠᠯᠴᠠᠭ᠎ᠠ ᠪᠠᠨ ᠦᠷᠬᠦᠯᠵᠢᠯᠡᠨ ᠭᠦᠨᠵᠡᠭᠡᠶᠢᠷᠡᠭᠦᠯᠵᠣ᠂ ᠠᠷᠠᠳ ᠤᠨ ᠠᠮᠢᠳᠣᠷᠠᠯ ᠢ ᠬᠠᠷᠠᠭᠠᠯᠵᠠᠨ ᠬᠦᠭᠵᠢᠯᠳᠡ ᠶᠢ ᠠᠬᠢᠭᠤᠯᠬᠤ ᠨᠡᠩ | ᠠᠷᠪᠢᠨ ᠰᠢᠨᠵᠢᠯᠡᠭᠡ ᠰᠣᠳᠣᠯᠭᠠᠨ ᠤ ᠦᠷ᠎ᠡ ᠪᠦᠳᠦᠭᠡᠯ ᠭᠠᠷᠭᠠᠬᠤ ᠪᠠᠷ ᠴᠢᠷᠮᠠᠶᠢᠨ᠎ᠠ᠃ | ᠰᠢᠨᠡᠴᠢᠯᠡᠯᠳᠡ ᠪᠠᠷ ᠲᠠᠶᠢᠴᠢᠯᠠᠨ ᠲᠠᠭᠠᠭᠤᠯᠬᠤ ᠶᠢ ᠴᠢᠩᠭᠠᠳᠬᠠᠨ᠎ᠠ᠃ ︽ᠴᠠᠬᠢᠷᠮ᠎ᠠ ᠴᠢᠳᠠᠪᠦᠷᠢᠳᠠᠨ︾ ᠪᠠᠶᠢᠯᠳᠣᠬᠤ ᠪᠣᠳᠣᠯᠭ᠎ᠠ ᠶᠢ ᠦᠷᠬᠦᠯᠵᠢᠡᠯᠨ ᠭᠦᠨᠵᠡᠭᠡᠢ | ᠬᠡᠷᠡᠭᠵᠢᠭᠦᠯᠵᠣ᠂ ᠣᠳᠣ ᠪᠠᠶᠢᠭ᠎ᠠ ᠴᠢᠬᠤᠯᠠ ᠶᠡᠭᠡ ᠲᠦᠷᠦᠯ ᠵᠣᠶᠢᠯ ᠤᠨ ᠴᠢᠳᠠᠪᠦᠷᠢᠳᠠᠨ ᠲᠠᠳᠠᠬᠤ ᠣᠶᠢᠯᠠᠳᠣᠯ ᠢ ᠪᠠᠳᠠᠷᠠᠭᠤᠯᠣᠨ᠂ ᠠᠵᠣ ᠣᠶᠢᠯᠠᠰ ᠤᠨ ᠬᠦᠭᠵᠢᠯᠳᠡ | ᠪᠣᠯᠣᠨ ᠠᠵᠣ ᠠᠬᠤᠶᠢᠯᠠᠯ ᠤᠨ ᠡᠵᠡᠩᠨᠡᠯᠳᠡ ᠶᠢᠨ ᠭᠡᠷᠡᠭᠴᠡᠭᠡ ᠶᠢ ᠡᠵᠡᠮᠳᠡᠵᠣ᠂ ᠦᠨᠳᠦᠷ ᠬᠡᠪ ᠴᠢᠨᠠᠷᠳᠦ ᠴᠢᠳᠠᠪᠦᠷᠢᠳᠠᠨ ᠢ ᠮᠠᠨ ᠤ ᠬᠤᠰᠢᠭᠤᠨ ᠳᠤ | ᠣᠶᠢᠯᠡᠴᠢᠯᠡᠭᠦᠯᠦᠨᠡ᠃ ᠵᠠᠯᠠᠭᠤᠴᠣᠳ ᠤᠨ ᠣᠶᠢᠯᠠᠰ ᠪᠦᠳᠦᠭᠡᠬᠦ ᠬᠦᠷᠢᠶᠡᠯᠡᠩ᠂ ᠲᠠᠶᠠᠭᠠᠷ ᠣᠯᠠᠨ ᠢᠶᠠᠷ ᠣᠶᠢᠯᠠᠰ ᠪᠦᠳᠦᠭᠡᠬᠦ ᠰᠠᠭᠤᠷᠢᠨ ᠵᠡᠷᠭᠡ ᠠᠴᠢᠶᠠᠯᠠᠭᠴᠢ | ᠲᠠᠪᠴᠠᠩ ᠤᠨ ᠣᠶᠢᠯᠠᠳᠣᠯ ᠢ ᠭᠦᠢᠴᠡᠳ ᠪᠠᠳᠠᠷᠠᠭᠤᠯᠣᠨ᠂ ᠣᠷᠣᠨ ᠨᠣᠳᠤᠭ ᠤᠨ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠭᠠᠨ ᠬᠡᠷᠡᠭᠯᠡᠬᠦ ᠶᠢ | ᠠᠬᠢᠭᠤᠯᠵᠣ᠂ ᠮᠠᠯᠴᠢᠨ ᠲᠠᠷᠢᠶᠠᠴᠢᠨ ᠢ ᠵᠣᠷᠢᠭᠵᠢᠭᠤᠯᠣᠨ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ ᠪᠣᠯᠣᠨ ᠰᠢᠨ᠎ᠡ ᠲᠣᠨᠣᠭᠯᠠᠯ ᠢ ᠨᠡᠭᠡᠭᠡᠨ ᠠᠰᠢᠭᠯᠠᠭᠤᠯᠵᠣ᠂ ᠣᠯᠠᠨ | ᠢᠶᠠᠷ ᠣᠶᠢᠯᠠᠰ ᠪᠦᠳᠦᠭᠡᠵᠣ᠂ ᠲᠠᠶᠠᠭᠠᠷ ᠢᠶᠠᠨ ᠰᠢᠨ᠎ᠡ ᠶᠢ ᠡᠭᠦᠳᠬᠦ ᠰᠢᠨ᠎ᠡ ᠲᠦᠪᠰᠢᠨ ᠳᠤ ᠠᠬᠢᠭᠤᠯᠣᠨ᠎ᠠ᠃ | ︵ᠵᠢᠷᠭᠤᠭ᠎ᠠ︶ ᠠᠷᠠᠳ ᠤᠨ ᠠᠮᠢᠳᠣᠷᠠᠯ ᠤᠨ ᠪᠣᠳᠠᠳᠦ ᠣᠴᠢᠷ ᠢ ᠰᠠᠶᠢᠳᠦᠷ ᠭᠦᠢᠴᠡᠳᠬᠡᠵᠣ᠂ ᠣᠯᠠᠨ ᠲᠦᠮᠡᠨ ᠤ ᠠᠰᠢᠭ ᠵᠢᠷᠭᠠᠯ ᠢ ᠨᠡᠮᠡᠭᠳᠡᠭᠦᠯᠦᠨ᠎ᠡ᠃ ᠣᠯᠠᠨ | ᠲᠦᠮᠡᠨ ᠤ ᠪᠣᠳᠣᠯ ᠬᠦᠰᠡᠯ ᠬᠡᠷᠡᠭᠴᠡᠭᠡ ᠶᠢ ᠴᠢᠬᠤᠯᠠᠴᠢᠯᠠᠵᠣ᠂ ᠲᠦᠷᠦ ᠶᠢᠨ ᠪᠣᠳᠣᠯᠭ᠎ᠠ ᠶᠢᠨ ᠣᠨᠣᠪᠴᠢᠳᠦ ᠴᠢᠨᠠᠷ ᠪᠣᠯᠣᠨ ᠬᠠᠨᠳᠣᠯᠭᠠᠳᠦ ᠴᠢᠨᠠᠷ ᠢ ᠲᠣᠪᠣᠶᠢᠯᠭᠠᠨ᠂ | ᠣᠯᠠᠨ ᠲᠦᠮᠡᠨ ᠤ ᠬᠠᠨᠣᠮᠵᠢ᠂ ᠵᠣᠯ ᠵᠢᠷᠭᠠᠯ᠂ ᠠᠮᠣᠷ ᠲᠦᠪᠰᠢᠨ ᠤ ᠲᠦᠷᠦᠭᠳᠡᠯ ᠢ ᠲᠡᠭᠡᠭᠰᠢᠯᠡᠭᠦᠯᠦᠨ᠎ᠡ᠃ | ᠰᠣᠷᠭᠠᠨ ᠬᠦᠮᠦᠵᠢᠯ ᠢᠶᠠᠷ ᠠᠷᠠᠳ ᠢ ᠬᠠᠷᠠᠭᠠᠯᠵᠠᠬᠤ ᠶᠢ ᠪᠠᠷᠢᠮᠳᠠᠯᠠᠨ᠎ᠠ᠃ ᠭᠤᠣᠯᠯᠠᠭᠴᠢ ᠪᠠᠭᠰᠢ ᠨᠠᠷ ᠦᠨᠳᠦᠰᠦᠨ ᠱᠠᠳᠣᠨ ᠳᠤ ᠡᠭᠡᠯᠵᠢᠯᠡᠨ ᠠᠵᠢᠯᠯᠠᠬᠤ | ᠢᠨᠵᠧᠨᠧᠷᠢᠩ ᠢ ᠡᠬᠢᠯᠡᠨ ᠬᠡᠷᠡᠭᠵᠢᠭᠦᠯᠵᠣ᠂ ᠪᠣᠷᠣᠪᠠᠯᠭᠠᠰᠦ᠂ ᠨᠠᠩᠰᠦ ᠶᠢᠨ ᠪᠠᠭᠰᠢ ᠨᠠᠷ ᠤᠨ ᠪᠠᠶᠢᠷᠢ ᠶᠢᠨ ᠭᠡᠷ ᠢ ᠪᠠᠶᠢᠭᠤᠯᠵᠣ᠂ ᠮᠣᠩᠭᠤᠯ ᠴᠡᠴᠡᠷᠯᠢᠭ ᠤᠨ ᠪᠠᠷᠢᠯᠭ᠎ᠠ | ᠶᠢ ᠲᠠᠭᠤᠰᠬᠠᠵᠣ᠂ ᠣᠯᠵᠠᠴᠢ ᠪᠠᠯᠭᠠᠰᠣᠨ ᠳᠤ ᠪᠠᠶᠢᠷᠢ ᠳᠤ ᠰᠠᠭᠤᠬᠤ ᠲᠦᠷᠢᠮᠳᠦ 1 ᠪᠦᠷᠢᠨ ᠪᠠᠭ᠎ᠠ ᠰᠣᠷᠭᠠᠭᠤᠯᠢ ᠪᠠᠶᠢᠭᠤᠯᠵᠣ᠂ ᠦᠨᠳᠦᠰᠦᠳᠡᠨ ᠤ ᠠᠵᠢᠯ | ᠮᠡᠷᠭᠡᠵᠢᠯ ᠤᠨ ᠲᠣᠮᠳᠠᠳᠦ ᠰᠣᠷᠭᠠᠭᠤᠯᠢ ᠶᠢᠨ ᠦᠪᠡᠷᠳᠡᠭᠡᠨ ᠵᠠᠰᠠᠬᠤ ᠣᠷᠣᠨ ᠤ ᠣᠨᠴᠠᠯᠢᠭᠳᠦ ᠲᠠᠭᠤᠷᠢᠶᠠᠯ ᠰᠣᠷᠭᠠᠭᠤᠯᠢ ᠶᠢᠨ ᠴᠣᠭᠴᠠᠯᠠᠯᠳᠠ ᠶᠢ ᠲᠦᠷᠭᠡᠳᠬᠡᠵᠣ᠂ | ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠴᠢᠨᠠᠷᠯᠢᠭ ᠲᠡᠩᠴᠡᠭᠦᠷᠢᠳᠡᠢ ᠬᠦᠭᠵᠢᠯᠳᠡ ᠶᠢ ᠠᠬᠢᠭᠤᠯᠣᠨ᠎ᠠ᠃ ︽ᠨᠡᠷᠡᠳᠦ ᠪᠠᠭᠰᠢ︾ ᠶᠢᠨ ᠢᠨᠵᠧᠨᠧᠷᠢᠩ ᠢ | ᠬᠡᠷᠡᠭᠵᠢᠭᠦᠯᠦᠨ᠂ ᠨᠢᠭᠡ ᠪᠦᠯᠦᠭ ᠨᠡᠷᠡᠳᠦ ᠪᠠᠭᠰᠢ᠂ ᠴᠢᠳᠠᠪᠦᠷᠢᠳᠦ ᠪᠠᠭᠰᠢ᠂ ᠭᠤᠣᠯᠯᠠᠭᠴᠢ ᠪᠠᠭᠰᠢ ᠶᠢ ᠬᠦᠮᠦᠵᠢᠭᠦᠯᠦᠨ᠂ ᠰᠣᠷᠭᠠᠨ ᠬᠦᠮᠦᠵᠢᠯ ᠵᠢᠭᠠᠨ ᠰᠣᠷᠭᠠᠯᠳᠠ | ᠶᠢᠨ ᠴᠢᠨᠠᠷ ᠢ ᠣᠯᠠᠮ ᠲᠡᠭᠡᠭᠰᠢᠯᠡᠭᠦᠯᠦᠨ᠎ᠡ᠃ | ᠡᠷᠡᠭᠦᠯ ᠬᠠᠮᠠᠭᠠᠯᠠᠯ ᠢᠶᠠᠷ ᠠᠷᠠᠳ ᠤᠨ ᠡᠷᠡᠭᠦᠯ ᠡᠩᠭᠡ ᠶᠢ ᠪᠠᠳᠤᠯᠠᠬᠤ ᠶᠢ ᠪᠠᠷᠢᠮᠳᠠᠯᠠᠨ᠎ᠠ᠃ ︽ᠰᠠᠶᠢᠨ ᠡᠮᠴᠢ ᠭᠥᠳᠡᠭᠡ ᠳᠤ ᠪᠠᠭᠤᠬᠤ ᠢᠨᠵᠧᠨᠧᠷᠢᠩ︾ ᠢ | ᠬᠡᠷᠡᠭᠵᠢᠭᠦᠯᠵᠥ᠂ ᠬᠤᠰᠢᠭᠤᠨ ᠤ ᠡᠮ ᠡᠮᠴᠢᠯᠡᠭᠡᠨ ᠤ ᠪᠠᠶᠢᠭᠤᠯᠤᠮᠵᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠲᠤᠰᠠᠯᠠᠨ ᠲᠡᠮᠵᠢᠭᠦ ᠲᠤᠭᠳᠠᠴᠠ | ᠪᠠᠶᠢᠭᠤᠯᠤᠨ᠂ ᠥᠨᠳᠥᠰᠥᠨ ᠱᠠᠳᠤᠨ ᠤ ᠡᠮ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠢᠯᠡᠴᠢᠯᠡᠭᠡᠨ ᠤ ᠴᠢᠳᠠᠮᠵᠢ ᠶᠢ ᠲᠡᠭᠡᠭᠰᠢᠯᠡᠭᠦᠯᠵᠥ᠂ ᠤᠯᠠᠨ | ᠨᠡᠶᠢᠳᠡ ᠶᠢᠨ ᠥᠨᠳᠥᠰᠥᠨ ᠡᠷᠡᠭᠦᠯ ᠬᠠᠮᠠᠭᠠᠯᠠᠯ ᠤᠨ ᠥᠢᠯᠡᠴᠢᠯᠡᠭᠡ ᠪᠤᠯᠤᠨ ᠬᠡᠷ ᠪᠥᠯᠢ ᠶᠢᠨ ᠡᠮᠴᠢ ᠶᠢᠨ ᠬᠡᠷ᠎ᠡ ᠲᠤᠬᠢᠷᠠᠬᠤ ᠥᠢᠯᠡᠴᠢᠯᠡᠭᠡ ᠶᠢ ᠲᠥᠭᠡᠮᠡᠯᠵᠢᠭᠦᠯᠥᠨᠡ᠃ | ᠮᠤᠩᠭᠤᠯ ᠡᠮᠨᠡᠯᠭᠡ ᠶᠢᠨ ᠶᠡᠷᠥᠩᠭᠡᠶᠢᠯᠡᠭᠰᠡᠨ ᠡᠮᠨᠡᠯᠭᠡ ᠶᠢᠨ ᠪᠠᠷᠢᠯᠭ᠎ᠠ ᠶᠢ ᠲᠤᠰ ᠵᠢᠯ ᠲᠠᠭᠤᠰᠬᠠᠵᠤ᠂ ᠪᠤᠯᠠᠭ᠂ ᠵᠤᠤᠬ᠎ᠠ᠂ ᠮᠤᠭᠠᠶᠢᠳᠤ᠂ ᠢᠮᠠᠭᠠᠯᠠᠢ ᠲᠥᠷᠪᠡᠨ ᠡᠷᠡᠭᠦᠯ | ᠬᠠᠮᠠᠭᠠᠯᠠᠯ ᠤᠨ ᠬᠤᠷᠢᠶ᠎ᠠ ᠶᠢ ᠲᠡᠭᠡᠷ᠎ᠡ ᠬᠠᠭᠠᠰ ᠵᠢᠯ ᠳᠤ ᠠᠰᠢᠭᠯᠠᠯᠳᠠ ᠳᠤ ᠤᠷᠤᠭᠤᠯᠵᠤ᠂ ᠤᠯᠠᠨ ᠲᠥᠮᠡᠨ ᠤ ᠡᠮᠴᠢᠯᠡᠭᠦᠯᠭᠦ ᠤᠷᠴᠢᠨ ᠢ ᠪᠥᠭᠦ ᠲᠠᠯ᠎ᠠ ᠪᠠᠷ | ᠰᠠᠶᠢᠵᠢᠷᠠᠭᠤᠯᠤᠨ᠂ ᠥᠪᠡᠷᠳᠡᠭᠡᠨ ᠵᠠᠰᠠᠬᠤ ᠤᠷᠤᠨ ᠤ ᠤᠳᠠᠭᠠᠨ ᠴᠢᠨᠠᠷᠳᠠᠢ ᠡᠪᠡᠳᠴᠢᠨ ᠢ ᠶᠡᠷᠥᠩᠭᠡᠶᠢᠯᠡᠨ ᠰᠡᠷᠭᠡᠶᠢᠯᠡᠨ ᠬᠢᠵᠠᠭᠠᠷᠯᠠᠬᠤ ᠲᠠᠭᠤᠷᠢᠶᠠᠯ ᠤᠷᠤᠨ ᠪᠤᠯᠤᠨ | ᠡᠷᠡᠭᠦᠯ ᠡᠩᠭᠡ ᠶᠢᠨ ᠠᠵᠢᠯ ᠢ ᠠᠬᠢᠭᠤᠯᠤᠭᠰᠠᠨ ᠬᠤᠰᠢᠭᠤ ᠶᠢ ᠴᠤᠭᠴᠠᠯᠠᠵᠤ᠂ ᠪᠥᠭᠦ ᠤᠯᠤᠰ ᠤᠨ ᠡᠷᠡᠭᠦᠯ ᠬᠠᠮᠠᠭᠠᠯᠠᠯ ᠤᠨ ᠰᠢᠶᠡᠨ ᠤ ᠬᠤᠳᠠ ᠶᠢᠨ ᠴᠤᠭᠴᠠᠯᠠᠯᠳᠠ | ᠶᠢᠨ ᠥᠷ᠎ᠡ ᠪᠥᠳᠥᠭᠡᠯ ᠢ ᠪᠠᠬᠢᠵᠢᠭᠦᠯᠥᠨ᠎ᠡ᠃ | ᠰᠤᠶᠤᠯ ᠲᠠᠮᠢᠷ ᠢᠶᠠᠷ ᠠᠷᠠᠳ ᠢ ᠪᠤᠯᠪᠠᠰᠤᠷᠠᠭᠤᠯᠬᠤ ᠶᠢ ᠪᠠᠷᠢᠮᠳᠠᠯᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠳᠡᠭ ᠤᠨ ᠥᠵᠡᠯᠳᠡ ᠶᠢ ᠤᠯᠠᠮᠵᠢᠯᠠᠨ | ᠪᠠᠳᠠᠷᠠᠭᠤᠯᠵᠤ᠂ ᠤᠯᠤᠰ ᠤᠨ ᠲᠡᠰ ᠤᠨ ᠲᠡᠷᠢᠭᠦᠨ ᠤ ᠰᠤᠶᠤᠯ ᠤᠨ ᠲᠠᠭᠤᠷᠢᠶᠠᠯ ᠬᠤᠰᠢᠭᠤ ᠶᠢᠨ ᠴᠤᠭᠴᠠᠯᠠᠯᠳᠠ ᠶᠢ ᠲᠥᠷᠭᠡᠳᠭᠡᠵᠥ᠂ ᠶᠡᠷᠥᠩᠭᠡᠢ ᠱᠥᠵᠢ ᠰᠢ ᠶᠢᠨ | ᠫᠢᠩ ᠤᠨ ᠨᠠᠶᠢᠳᠠᠯᠭ᠎ᠠ ᠶᠢ ᠪᠠᠳᠤ ᠴᠡᠭᠡᠵᠢᠯᠡᠨ ᠤᠯᠠᠭᠠᠠᠮᠥ᠋ᠴᠢᠷ ᠤᠨ ᠥᠢᠯᠡᠰ ᠢ ᠴᠡᠴᠡᠭᠯᠡᠭᠦᠯᠵᠥ᠂ ᠭᠠᠵᠠᠷ ᠤᠷᠤᠨ ᠳᠤ ᠲᠤᠬᠢᠷᠠᠭᠰᠠᠨ ᠨᠥᠯᠥᠭᠡᠯᠡᠯ ᠰᠠᠶᠢᠳᠠᠢ ᠰᠤᠶᠤᠯ | ᠤᠨ ᠰᠤᠳᠤᠨ ᠪᠥᠳᠥᠭᠡᠯ ᠤᠳ ᠢ ᠲᠡᠪᠰᠢᠭᠦᠯᠭᠦ ᠶᠢ ᠵᠤᠷᠢᠭᠵᠢᠭᠤᠯᠵᠤ᠂ ᠥᠨᠳᠥᠰᠥᠳᠡᠨ ᠤ ᠰᠤᠶᠤᠯ ᠢ ᠢᠳᠡᠪᠬᠢᠳᠡᠢ ᠭᠥᠭᠵᠢᠭᠦᠯᠥᠨ ᠥᠨᠳᠥᠰᠥᠳᠡᠨ ᠤ ᠪᠥᠯᠭᠦᠮᠳᠡᠯ | ᠲᠠᠪᠰᠢᠯᠳᠠ ᠶᠢ ᠠᠬᠢᠭᠤᠯᠵᠤ᠂ ᠡᠯ᠎ᠡ ᠥᠨᠳᠥᠰᠥᠳᠡᠨ ᠤ ᠤᠶᠤᠨ ᠰᠠᠨᠠᠭᠠᠨ ᠤ ᠬᠠᠮᠳᠤ ᠶᠢᠨ ᠬᠡᠷ ᠤᠷᠤᠨ ᠢ ᠴᠤᠭᠴᠠᠯᠠᠨ᠎ᠠ᠃ ᠤᠯᠠᠨ ᠲᠥᠮᠡᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠵᠤ᠂ ᠪᠥᠭᠦ ᠵᠢᠯ ᠳᠤ ︽ᠰᠤᠶᠤᠯ ᠢ ᠭᠥᠳᠡᠭᠡ ᠪᠠᠭᠤᠯᠭᠠᠬᠤ︾ ᠲᠤᠭᠯᠠᠯᠳᠠ ᠶᠢ 300 ᠢᠯᠡᠭᠦᠥ ᠲᠠᠯᠠᠪᠠᠢ ᠭᠥᠷᠭᠡᠵᠥ᠂ ᠰᠤᠶᠤᠯ ᠤᠨ | ᠰᠥᠯᠵᠢᠶᠡᠨ ᠲᠠᠪᠴᠠᠩ ᠤᠨ ᠪᠠᠶᠢᠭᠤᠯᠤᠯᠳᠠ ᠶᠢ ᠠᠬᠢᠭᠤᠯᠤᠨ᠂ ᠠᠰᠢᠭᠳᠤ ᠡᠵᠡᠩᠨᠡᠯᠳᠡ ᠶᠢᠨ ᠪᠤᠰᠤ ᠠᠷᠠᠳ ᠤᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ | ᠭᠥᠭᠵᠢᠯ ᠪᠤᠵᠠᠭᠠᠶᠢᠷᠠᠯ ᠢ ᠲᠡᠮᠵᠢᠵᠥ᠂ ᠠᠷᠠᠳ ᠤᠨ ᠰᠤᠶᠤᠯ ᠤᠷᠠᠯᠢᠭ ᠤᠨ ᠠᠵᠤ ᠥᠢᠯᠡᠰᠵᠢᠭᠰᠡᠨ ᠭᠥᠭᠵᠢᠯᠳᠡ ᠶᠢ ᠠᠬᠢᠭᠤᠯᠤᠨ᠎ᠠ᠃ ᠪᠥᠭᠦ ᠠᠷᠠᠳ ᠤᠨ ᠪᠡᠶ᠎ᠡ | ᠴᠢᠬᠢᠷᠠᠭᠵᠢᠭᠤᠯᠬᠤ ᠥᠢᠯᠡᠰ ᠢ ᠶᠡᠭᠡᠪᠡᠷ ᠭᠥᠭᠵᠢᠭᠦᠯᠥᠨ᠂ ᠡᠯ᠎ᠡ ᠲᠥᠷᠥᠯ ᠤᠨ ᠲᠡᠮᠢᠷ ᠤᠷᠤᠯᠳᠤᠭᠠᠨ ᠢ ᠪᠠᠶᠢᠩᠭᠤ ᠵᠤᠬᠢᠶᠠᠨ ᠪᠠᠶᠢᠭᠤᠯᠵᠤ᠂ ᠺᠠᠳ᠋ᠷ ᠠᠵᠢᠯᠳᠠᠨ ᠪᠤᠯᠤᠨ | ᠤᠯᠠᠨ ᠲᠥᠮᠡᠨ ᠤ ᠪᠡᠶ᠎ᠡ ᠮᠠᠬᠠᠨᠪᠤᠳ ᠤᠨ ᠬᠡᠪ ᠴᠢᠨᠠᠷ ᠢ ᠲᠡᠭᠡᠭᠰᠢᠯᠡᠭᠦᠯᠥᠨ᠎ᠡ᠃ | ᠪᠠᠳᠤᠯᠠᠭ᠎ᠠ ᠪᠠᠷ ᠠᠷᠠᠳ ᠤᠯᠠᠨ ᠳᠤ ᠠᠰᠢᠭ ᠭᠥᠷᠳᠡᠭᠡᠭᠦ ᠶᠢ ᠪᠠᠷᠢᠮᠳᠠᠯᠠᠨ᠎ᠠ᠃ ᠠᠵᠢᠯ ᠣᠯᠣᠯᠳᠠ ᠶᠢᠨ ᠲᠦᠷᠦ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠦᠷᠢᠵᠢᠭᠤᠯᠵᠣ᠂ ᠪᠠᠭ᠎ᠠ ᠲᠣᠭᠠᠨ ᠤ ᠳᠠᠭᠠᠭᠠᠯᠳᠠᠳᠤ ᠵᠢᠭᠡᠯᠡᠯᠭᠡ ᠶᠢ 800 ᠲᠦᠮᠡᠨ ᠲᠦᠬᠦᠷᠢᠭ ᠳᠠᠯᠪᠢᠵᠤ᠂ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠨ | ᠬᠦᠭᠵᠢᠯᠳᠠ ᠶᠢ ᠨᠢ ᠲᠦᠷᠬᠡᠤᠨᠬᠡᠵᠤ᠂ ᠳᠤᠰ ᠵᠢᠯ ᠳᠤ ᠬᠤᠳᠠ ᠪᠠᠯᠭᠠᠰᠤᠨ ᠤ 950 ᠬᠦᠮᠤᠨ ᠳᠤ ᠠᠵᠢᠯ ᠤᠯᠭᠤᠵᠤ᠂ ᠠᠵᠢᠯ ᠲᠠᠢ ᠬᠦᠮᠤᠨ ᠦᠬᠡᠢ ᠬᠡᠷ ᠪᠦᠯᠢ ᠶᠢ | ᠤᠯᠠᠮ ᠴᠦᠬᠡᠤᠨᠬᠡᠨᠠ᠃ ᠪᠦᠬᠦ ᠠᠷᠠᠤᠨ ᠤᠨ ᠨᠠᠶᠢᠬᠡᠮ ᠤᠨ ᠳᠠᠭᠠᠤᠨᠬᠠᠯ ᠤᠨ ᠳᠠᠩᠰᠠᠯᠠᠯᠳᠠ ᠶᠢ ᠬᠦᠨᠵᠡᠬᠡᠶᠢᠷᠡᠬᠦᠯᠵᠤ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ | ᠶᠢ ᠨᠡᠮᠡᠭᠳᠡᠬᠦᠯᠤᠨ ᠳᠤᠰᠪᠤᠷᠢ 611 ᠲᠦᠬᠦᠷᠢᠭ ᠪᠠ 444 ᠲᠦᠬᠦᠷᠢᠭ ᠬᠦᠷᠬᠡᠵᠤ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠦᠨᠳᠤᠰᠤᠨ ᠨᠠᠰᠤᠵᠢᠯ ᠤᠨ | ᠮᠦᠩᠬᠦ ᠶᠢᠨ ᠬᠠᠮᠤᠭ ᠳᠤᠤᠷ᠎ᠠ ᠪᠠᠷᠢᠮᠵᠢᠶ᠎ᠠ ᠶᠢ 18 ᠲᠦᠬᠦᠷᠢᠭ ᠨᠡᠮᠡᠭᠳᠡᠬᠦᠯᠵᠤ᠂ ᠠᠵᠤ ᠠᠬᠤᠶᠢᠯᠠᠯ ᠪᠤᠯᠤᠨ ᠠᠯᠪᠠᠨ ᠪᠠᠶᠢᠭᠤᠯᠭ᠎ᠠ ᠠᠵᠢᠯ ᠤᠶᠢᠯᠡᠰ ᠤᠨ ᠨᠢᠬᠡᠴᠠ | ᠶᠢᠨ ᠠᠵᠢᠯ ᠠᠴᠠ ᠪᠠᠨ ᠠᠮᠠᠷᠠᠭᠰᠠᠤᠨ ᠤᠨ ᠦᠨᠳᠤᠰᠤᠨ ᠨᠠᠰᠤᠵᠢᠯ ᠤᠨ ᠮᠦᠩᠬᠦ ᠶᠢ 5% ᠪᠠᠷ ᠨᠡᠮᠡᠭᠳᠡᠬᠦᠯᠤᠨ᠎ᠠ᠃ ᠨᠠᠶᠢᠬᠡᠮ ᠤᠨ ᠬᠦᠴᠤᠨ ᠤ ᠨᠠᠶᠢᠬᠡᠮ ᠤᠨ | ᠠᠰᠠᠷᠠᠮᠵᠢ ᠶᠢᠨ ᠤᠶᠢᠯᠡᠰ ᠲᠤ ᠤᠷᠤᠯᠴᠠᠬᠤ ᠶᠢ ᠵᠤᠷᠢᠭᠵᠢᠭᠤᠯᠤᠨ᠂ ᠪᠤᠷᠤᠪᠠᠯᠭᠠᠰᠤ ᠶᠢᠨ ᠨᠠᠰᠤᠳᠠᠶᠢᠴᠤᠤᠨ ᠢ ᠠᠰᠠᠷᠠᠬᠤ ᠬᠦᠷᠢᠶᠡᠯᠡᠩ ᠢ ᠪᠠᠶᠢᠭᠤᠯᠤᠨ᠂ ᠤᠳᠤᠭ ᠤᠨ | ᠡᠮᠤᠨᠡᠳᠤ ᠬᠤᠰᠢᠭᠤᠨ ᠤ ᠤᠷᠤᠰᠢᠭᠤᠯᠭ᠎ᠠ ᠶᠢᠨ ᠬᠠᠮᠢᠶᠠᠷᠤᠯᠳᠠ ᠶᠢᠨ ᠭᠠᠵᠠᠷ ᠢ ᠪᠠᠶᠢᠭᠤᠯᠤᠨ᠎ᠠ᠃ ᠶᠠᠳᠠᠭᠤ ᠬᠦᠴᠢᠷᠳᠠᠯᠳᠠᠢ ᠬᠦᠮᠤᠰ ᠢ ᠳᠤᠰᠠᠯᠠᠨ᠂ ᠡᠮᠡᠭᠳᠠᠶᠢᠴᠤᠤᠨ | ᠬᠡᠤᠬᠡᠤᠨ ᠪᠠᠭᠠᠴᠤᠤᠨ᠂ ᠨᠠᠰᠤᠳᠠᠶᠢᠴᠤᠤᠨ᠂ ᠵᠡᠮᠳᠡᠭᠴᠤᠤᠨ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠵᠤ᠂ ᠪᠠᠭᠤᠷᠠᠶᠢᠴᠤᠤᠯ ᠢ ᠬᠠᠯᠠᠮᠵᠢᠯᠠᠨ ᠳᠡᠮᠵᠢᠬᠦ ᠶᠢ | ᠪᠠᠳᠤᠯᠠᠨ᠎ᠠ᠃ | ᠵᠠᠰᠠᠯᠳᠠ ᠪᠠᠷ ᠠᠮᠤᠷ ᠳᠤᠭᠳᠠᠭᠤᠨ ᠢ ᠪᠠᠳᠤᠯᠠᠬᠤ ᠶᠢ ᠪᠠᠷᠢᠮᠳᠠᠯᠠᠨ᠎ᠠ᠃ ᠨᠠᠶᠢᠬᠡᠮ ᠤᠨ ᠠᠮᠤᠷ ᠳᠤᠭᠳᠠᠭᠤᠨ ᠢ ᠬᠠᠮᠠᠭᠠᠯᠠᠬᠤ ᠬᠢᠨᠡᠨ ᠡᠵᠡᠮᠰᠢᠯ ᠤᠨ ᠰᠢᠰᠲ᠋ᠧᠮ | ᠤᠨ ᠪᠠᠶᠢᠭᠤᠯᠤᠯᠳᠠ ᠶᠢ ᠳᠡᠬᠦᠯᠳᠡᠷᠵᠢᠬᠦᠯᠤᠨ᠂ ︽ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ︾ ᠳᠤᠰᠬᠠᠢ ᠠᠵᠢᠯᠯᠠᠭ᠎ᠠ ᠶᠢ ᠬᠠᠤᠯᠢ ᠶᠤᠰᠤ ᠪᠠᠷ | ᠶᠠᠪᠤᠭᠳᠠᠭᠤᠯᠵᠤ᠂ ᠬᠠᠤᠯᠢ ᠵᠦᠷᠢᠴᠡᠭᠰᠡᠨ ᠡᠯ᠎ᠡ ᠲᠦᠷᠤᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠮᠤᠷ ᠠᠮᠤᠭᠤᠯᠠᠩ ᠡᠮᠤᠨᠡᠳᠤ ᠤᠳᠤᠭ ᠤᠨ | ᠪᠠᠶᠢᠭᠤᠯᠤᠯᠳᠠ ᠶᠢ ᠬᠦᠨᠵᠡᠬᠡᠶᠢᠷᠡᠬᠦᠯᠤᠨ᠂ ᠪᠦᠬᠦ ᠤᠷᠤᠨ ᠤ ᠨᠠᠶᠢᠬᠡᠮ ᠤᠨ ᠵᠠᠰᠠᠯᠳᠠ ᠶᠢᠨ ᠰᠢᠨᠠᠴᠢᠯᠠᠯ ᠤᠨ ᠳᠠᠭᠤᠷᠢᠶᠠᠯ ᠬᠤᠰᠢᠭᠤ ᠶᠢ ᠴᠤᠭᠴᠠᠯᠠᠨ᠎ᠠ᠃ ᠠᠶᠤᠯᠬᠦᠢ | ᠤᠶᠢᠯᠡᠤᠨᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠤᠭᠤᠭ ᠤᠨ ᠪᠠᠶᠢᠴᠠᠭᠠᠯᠳᠠ | ᠴᠡᠭᠴᠡᠯᠠᠯᠳᠠ ᠶᠢ ᠯᠠᠪᠳᠠᠭᠤᠨ ᠪᠠᠳᠤᠳᠠᠢ ᠶᠠᠪᠤᠭᠳᠠᠭᠤᠯᠵᠤ᠂ ᠠᠶᠤᠯᠬᠦᠢ ᠤᠶᠢᠯᠡᠤᠨᠪᠤᠷᠢᠯᠡᠯ ᠤᠨ ᠬᠦᠨᠳᠤ ᠨᠤᠴᠢᠳᠠᠢ ᠠᠳᠡᠭᠳᠡᠯ ᠡᠬᠦᠰᠬᠦ ᠶᠢ ᠡᠷᠡᠰ ᠳᠡᠪᠴᠢᠨ᠎ᠠ᠃ | ᠬᠤᠰᠢᠭᠤ᠂ ᠪᠠᠯᠭᠠᠰᠤ᠂ ᠭᠠᠴᠠᠭ᠎ᠠ ᠭᠤᠷᠪᠠᠨ ᠱᠠᠳᠤᠨ ᠤ ᠢᠳᠡᠬᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠳᠤᠤᠷ ᠢ | ᠳᠡᠬᠦᠯᠳᠡᠷᠵᠢᠬᠦᠯᠤᠨ᠂ ᠬᠠᠤᠯᠢ ᠬᠡᠷᠡᠭᠵᠢᠬᠦᠯᠤᠨ ᠳᠤᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠤᠨᠬᠠᠵᠤ᠂ ᠤᠯᠠᠨ ᠲᠦᠮᠡᠨ ᠤ ᠢᠳᠡᠬᠡᠨ ᠤᠮᠳᠠᠭᠠᠨ ᠡᠮ | ᠤᠨ ᠬᠡᠷᠡᠭᠯᠡᠬᠡᠨ ᠤ ᠠᠮᠤᠷ ᠲᠦᠪᠰᠢᠨ ᠢ ᠪᠠᠳᠤᠯᠠᠨ᠎ᠠ᠃ ᠡᠷᠤᠬᠡ ᠶᠢᠨ ᠴᠡᠷᠢᠭ ᠢ ᠴᠡᠭᠴᠡᠯᠡᠨ ᠳᠤᠬᠢᠷᠠᠭᠤᠯᠬᠤ ᠦᠬᠡᠷᠡᠴᠢᠯᠠᠯᠳᠠ ᠶᠢ ᠳᠡᠮᠵᠢᠵᠤ᠂ ᠴᠡᠷᠢᠭ ᠠᠷᠠᠤᠨ ᠤᠨ | ᠬᠠᠮᠳᠤ ᠶᠢᠨ ᠬᠦᠭᠵᠢᠯᠳᠠ ᠶᠢ ᠪᠦᠬᠦ ᠳᠠᠯ᠎ᠠ ᠪᠠᠷ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠤᠨᠪᠤᠷᠢᠯᠡᠬᠦ ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠵᠠᠬᠢᠳᠠᠯ | ᠰᠤᠷᠪᠤᠯᠵᠢᠯᠠᠭ᠎ᠠ ᠳᠤᠭᠳᠠᠭᠤᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠳᠤᠭᠳᠠᠭᠤᠨ ᠪᠤᠰᠤ | ᠠᠰᠠᠭᠤᠳᠠᠯ ᠢ ᠦᠷᠬᠦᠯᠵᠢᠯᠡᠨ ᠪᠠᠶᠢᠴᠠᠭᠠᠨ ᠰᠢᠢᠤᠨᠪᠤᠷᠢᠯᠡᠵᠤ᠂ ᠨᠠᠶᠢᠬᠡᠮ ᠤᠨ ᠪᠦᠬᠦ ᠳᠠᠯ᠎ᠠ ᠶᠢᠨ ᠠᠮᠤᠷ ᠳᠤᠭᠳᠠᠭᠤᠨ ᠡᠶ᠎ᠡ ᠵᠤᠬᠢᠴᠠᠯ ᠢ ᠪᠠᠳᠤᠯᠠᠨ᠎ᠠ᠃ | ᠭᠤᠷᠪᠠ᠂ ᠵᠠᠰᠠᠭ ᠤᠨ ᠤᠷᠳᠤᠨ ᠤ ᠳᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠤᠨᠬᠠᠨ᠎ᠠ | ᠲᠦᠯᠤᠬᠡᠯᠡᠭᠴᠢᠤᠨ ᠡ᠂ ᠰᠢᠨ᠎ᠠ ᠴᠠᠭ ᠦᠶ᠎ᠡ ᠶᠢᠨ ᠰᠢᠨ᠎ᠠ ᠠᠶᠠᠨ ᠡᠬᠢᠯᠡᠵᠤ᠂ ᠰᠢᠨ᠎ᠠ ᠬᠠᠷᠢᠭᠤᠴᠠᠯᠭ᠎ᠠ ᠪᠠᠷ ᠢᠶᠠᠨ ᠰᠢᠨ᠎ᠠ ᠠᠮᠵᠢᠯᠳᠠ ᠡᠬᠦᠳᠤᠨ᠎ᠠ᠃ ᠪᠢᠳᠠ | ᠬᠦᠭᠵᠢᠯᠳᠠ ᠶᠢᠨ ᠬᠠᠷᠢᠭᠤᠴᠠᠯᠭ᠎ᠠ ᠪᠠᠨ ᠡᠬᠦᠷᠬᠡᠯᠡᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠬᠤᠯᠠᠴᠢᠯᠠᠵᠤ᠂ ᠴᠦᠬᠦᠷᠡᠰᠢ ᠦᠬᠡᠢ ᠵᠤᠷᠢᠭ ᠰᠠᠨᠠᠭ᠎ᠠ ᠪᠠᠷ | ᠬᠦᠭᠵᠢᠯᠳᠠ ᠶᠢ ᠠᠬᠢᠭᠤᠯᠤᠨ᠂ ᠨᠠᠶᠢᠳᠠᠪᠤᠷᠢᠵᠢᠭᠤᠯᠤᠯᠳᠠ ᠶᠢ ᠡᠷᠴᠢ ᠬᠦᠴᠤᠨ ᠲᠠᠢ ᠠᠤᠨᠬᠤᠵᠤ᠂ ᠵᠠᠰᠠᠭ ᠤᠨ ᠤᠷᠳᠤᠨ ᠤ ᠠᠵᠢᠯ ᠤᠨ ᠰᠢᠨ᠎ᠠ ᠪᠠᠶᠢᠳᠠᠯ ᠢ ᠪᠤᠢ | ᠪᠤᠯᠭᠠᠬᠤ ᠪᠠᠷ ᠴᠢᠷᠮᠠᠶᠢᠨ᠎ᠠ᠃ | ᠤᠯᠤᠰ ᠲᠦᠷᠤ ᠶᠢᠨ ᠤᠬᠠᠮᠰᠠᠷ ᠪᠠᠨ ᠴᠢᠩᠭᠠᠤᠨᠬᠠᠵᠤ᠂ ᠬᠦᠢᠴᠡᠤᠨᠬᠡᠬᠦ ᠴᠢᠳᠠᠮᠵᠢ ᠪᠠᠨ ᠳᠡᠬᠡᠭᠰᠢᠯᠡᠬᠦᠯᠤᠨ᠎ᠠ᠃ ᠤᠯᠤᠰ ᠲᠦᠷᠤ ᠶᠢᠨ ᠪᠠᠶᠢᠭᠤᠯᠤᠯᠳᠠ ᠶᠢ | ᠢᠮᠠᠭᠳᠠ ᠳᠡᠷᠢᠬᠦᠨ ᠪᠠᠶᠢᠷᠢᠨ ᠳᠤ ᠳᠠᠯᠪᠢᠵᠤ᠂ ︽ᠠᠩᠬᠠᠨ ᠤ ᠵᠤᠷᠢᠯᠳᠠ ᠪᠠᠨ ᠮᠠᠷᠳᠠᠯ ᠦᠬᠡᠢ᠂ ᠳᠠᠷᠬᠠᠨ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ | ᠰᠡᠳᠤᠪᠳᠤ ᠬᠦᠮᠤᠵᠢᠯ ᠢ ᠦᠷᠨᠢᠬᠦᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ | ᠰᠠᠨᠠᠭ᠎ᠠ ᠪᠤᠯᠤᠨ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ᠂ ︽ᠲᠦᠷᠪᠡᠨ ᠤᠬᠠᠮᠰᠠᠷ︾ ᠢ | ᠪᠠᠳᠤ ᠱᠤᠭᠤᠨ᠂ ᠨᠠᠮ ᠤᠨ ᠲᠦᠪ ᠬᠤᠷᠢᠶᠠᠨ ᠤ ᠬᠠᠷᠢᠴᠠᠯᠠᠰᠢ ᠦᠬᠡᠢ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠡᠷᠡᠰ ᠬᠦᠷᠢᠶᠡᠯᠡᠵᠤ᠂ | ᠨᠠᠮ ᠤᠨ ᠤᠨᠤᠯ ᠱᠤᠭᠤᠮ ᠪᠤᠯᠤᠨ ᠴᠢᠭᠯᠡᠯᠳᠠ ᠲᠦᠷᠤ ᠶᠢᠨ ᠪᠤᠳᠤᠯᠭ᠎ᠠ ᠶᠢ ᠡᠷᠡᠰ ᠬᠡᠷᠡᠭᠵᠢᠬᠦᠯᠵᠤ᠂ ᠳᠡᠬᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ | ᠪᠤᠯᠤᠨ ᠬᠤᠰᠢᠭᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠶᠢ ᠡᠷᠡᠰ ᠳᠤᠤᠱᠯᠠᠭᠤᠯᠵᠤ᠂ ᠤᠯᠤᠰ ᠲᠦᠷᠤ ᠶᠢᠨ ᠬᠦᠢᠴᠡᠤᠨᠬᠡᠬᠦ ᠴᠢᠳᠠᠮᠵᠢ ᠪᠠᠨ ᠪᠦᠬᠦ | ᠳᠠᠯ᠎ᠠ ᠪᠠᠷ ᠳᠡᠬᠡᠭᠰᠢᠯᠡᠬᠦᠯᠤᠨ᠎ᠠ᠃ | ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠤᠨᠬᠠᠵᠤ᠂ ᠨᠠᠶᠢᠳᠠ ᠶᠢᠨ ᠢᠳᠡᠬᠡᠮᠵᠢ ᠪᠠᠨ ᠳᠡᠬᠡᠭᠰᠢᠯᠡᠬᠦᠯᠤᠨ᠎ᠠ᠃ ᠬᠠᠤᠯᠢ ᠪᠠᠷ ᠵᠠᠰᠠᠬᠤ ᠢᠳᠡᠬᠡᠯ᠂ ᠬᠠᠤᠯᠢ ᠪᠠᠷ | ᠵᠠᠰᠠᠬᠤ ᠰᠠᠤᠨᠬᠢᠬᠦᠢ ᠶᠢ ᠵᠠᠰᠠᠭ ᠤᠨ ᠤᠷᠳᠤᠨ ᠤ ᠠᠵᠢᠯ ᠤᠨ ᠪᠦᠬᠦ ᠶᠠᠪᠤᠴᠠ᠂ ᠡᠯ᠎ᠡ ᠳᠠᠯ᠎ᠠ ᠳᠤ ᠳᠤᠤᠱᠯᠠᠭᠤᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ᠂ | ᠡᠬᠦᠷᠬᠡ ᠳᠤᠰᠢᠶᠠᠯ᠂ ᠡᠷᠬᠡ ᠶᠢᠨ ᠬᠢᠵᠠᠭᠠᠷᠯᠠᠯ᠂ ᠡᠮᠬᠢ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢᠵᠢᠯ ᠢ ᠠᠬᠢᠭᠤᠯᠵᠤ᠂ ᠵᠠᠰᠠᠭ ᠤᠨ ᠤᠷᠳᠤᠨ ᠤ ᠠᠵᠢᠯ ᠡᠷᠬᠡ ᠶᠢᠨ | ᠲᠦᠷᠢᠮᠵᠢᠯ᠂ ᠵᠠᠰᠠᠭ ᠵᠠᠬᠢᠷᠭᠠᠨ ᠤ ᠤᠶᠢᠯᠡᠴᠢᠯᠡᠬᠡᠨ ᠤ ᠪᠠᠷᠢᠮᠵᠢᠶᠠᠵᠢᠯ᠂ ᠵᠠᠰᠠᠭ ᠤᠨ ᠶᠠᠪᠤᠳᠠᠯ ᠤᠨ ᠢᠯᠡᠰᠢᠬᠦᠯᠤᠯᠳᠠ ᠶᠢᠨ ᠪᠠᠶᠢᠩᠭᠤᠵᠢᠯ ᠢ ᠠᠬᠢᠭᠤᠯᠵᠤ᠂ ᠠᠷᠠᠤᠨ | ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠶᠤᠰᠤᠨ ᠤ ᠬᠢᠨᠠᠯᠳᠠ᠂ ᠤᠯᠤᠰ ᠲᠦᠷᠤ ᠶᠢᠨ ᠵᠦᠪᠯᠡᠯᠬᠡᠨ ᠤ ᠠᠷᠠᠤᠨᠴᠢᠯᠠᠯ | ᠤᠨ ᠬᠢᠨᠠᠯᠳᠠ ᠪᠤᠯᠤᠨ ᠬᠢᠨᠠᠨ ᠪᠠᠶᠢᠴᠠᠭᠠᠬᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠵᠠᠰᠠᠭ ᠤᠨ ᠤᠷᠳᠤᠨ ᠤ ᠳᠤᠳᠤᠭᠠᠳᠤ ᠶᠢᠨ ᠳᠠᠪᠬᠤᠷᠭ᠎ᠠ ᠳᠡᠰ ᠤᠨ | ᠬᠢᠨᠠᠯᠳᠠ ᠪᠤᠯᠤᠨ ᠬᠢᠨᠠᠨ ᠪᠤᠳᠤᠬᠤ ᠬᠢᠨᠠᠯᠳᠠ ᠶᠢ ᠴᠢᠩᠭᠠᠤᠨᠬᠠᠨ᠂ ᠨᠠᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠰᠠᠨᠠᠭᠠᠴᠢᠯᠠᠭ᠎ᠠ ᠲᠠᠢ ᠬᠦᠯᠢᠶᠡᠵᠤ᠂ ᠠᠷᠠᠤᠨ | ᠤᠨ ᠲᠦᠯᠤᠬᠡᠯᠡᠭᠴᠢᠤᠨ ᠤᠨ ᠵᠦᠪᠯᠡᠯᠬᠡ᠂ ᠰᠠᠨᠠᠭᠤᠯᠭ᠎ᠠ ᠪᠤᠯᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠤᠨ ᠳᠤᠷᠠᠳᠤᠯᠭ᠎ᠠ ᠶᠢ ᠬᠦᠢᠴᠡᠤᠨᠬᠡᠬᠦ ᠴᠢᠨᠠᠷᠵᠢᠯ | ᠪᠤᠯᠤᠨ ᠨᠠᠶᠢᠳᠠᠪᠤᠷᠢᠵᠢᠭᠤᠯᠬᠤ ᠦᠷ᠎ᠠ ᠠᠰᠢᠭ ᠢ ᠳᠡᠬᠡᠭᠰᠢᠯᠡᠬᠦᠯᠤᠨ᠎ᠠ᠃ | ᠡᠩᠨᠡᠭᠡᠨ ᠤ ᠣᠬᠠᠮᠰᠠᠷ ᠢᠶᠠᠨ ᠴᠢᠩᠭᠠᠳᠬᠠᠵᠣ᠂ ᠬᠠᠮᠳᠣᠷᠠᠨ ᠠᠵᠢᠯᠯᠠᠬᠤ ᠬᠦᠴᠦᠨ ᠢᠶᠠᠨ ᠲᠡᠭᠡᠭᠰᠢᠯᠡᠭᠦᠯᠦᠨ᠎ᠡ᠃ ᠬᠠᠮᠳᠣᠷᠠᠨ ᠠᠵᠢᠯᠯᠠᠬᠤ ᠬᠦᠴᠦᠨ ᠲᠠᠢ | ᠵᠠᠰᠠᠭ ᠤᠨ ᠣᠷᠳᠣᠨ ᠤ ᠠᠵᠢᠯ ᠤᠨ ᠡᠩᠨᠡᠭᠡ ᠶᠢ ᠪᠦᠷᠢᠯᠳᠦᠭᠦᠯᠵᠣ᠂ ᠵᠠᠰᠠᠭ ᠤᠨ ᠣᠷᠳᠣᠨ ᠤ ᠪᠠᠭ ᠤᠨ ᠪᠦᠷᠢᠯᠳᠦᠭᠦᠨ ᠵᠢᠱᠢᠶ᠎ᠡ ᠲᠠᠭᠤᠷᠢᠶᠠᠯ ᠪᠣᠯᠵᠣ᠂ ᠪᠡᠶ᠎ᠡ ᠪᠠᠷ | ᠢᠶᠠᠨ ᠲᠥᠷᠥᠭᠦᠯᠡᠨ ᠬᠡᠪ ᠰᠣᠷᠳᠠᠯ ᠢᠶᠠᠨ ᠰᠠᠶᠢᠵᠢᠷᠠᠭᠤᠯᠣᠨ ᠦᠨᠳᠦᠰᠦᠨ ᠱᠠᠳᠣᠨ ᠳᠤ ᠭᠦᠨᠵᠡᠭᠡᠶᠢᠷᠡᠨ᠂ ᠣᠯᠠᠨ ᠲᠦᠮᠡᠨ ᠲᠠᠢ ᠬᠠᠷᠢᠯᠴᠠᠨ ᠠᠰᠠᠭᠤᠳᠠᠯ ᠢ | ᠰᠢᠢᠳᠪᠦᠷᠢᠯᠡᠵᠣ᠂ ᠵᠠᠰᠠᠭ ᠶᠠᠪᠣᠭᠤᠯᠬᠤ ᠠᠷᠭ᠎ᠠ ᠠᠪᠴᠠᠯ ᠢ ᠪᠣᠳᠠᠳᠦ ᠪᠠᠶᠢᠳᠠᠯ᠂ ᠠᠷᠠᠳ ᠤᠨ ᠬᠦᠰᠡᠯ ᠲᠠᠢ ᠣᠯᠠᠮ ᠨᠡᠶᠢᠴᠡᠭᠦᠯᠵᠣ᠂ ᠠᠷᠠᠳ ᠤᠨ ᠠᠮᠢᠳᠣᠷᠠᠯ ᠢ | ᠬᠠᠷᠠᠭᠠᠯᠵᠠᠨ᠎ᠠ᠃ ᠬᠦᠮᠦᠨ ᠪᠦᠬᠦᠨ ᠬᠠᠷᠢᠭᠤᠴᠠᠬᠤ᠂ ᠲᠠᠪᠬᠤᠷᠭ᠎ᠠ ᠪᠣᠯᠭᠠᠨ ᠬᠠᠷᠢᠭᠤᠴᠠᠬᠤ᠂ ᠭᠤᠭᠴᠤᠭ᠎ᠠ ᠪᠦᠷᠢ ᠠᠪᠴᠠᠯᠳᠣᠬᠤ ᠠᠵᠢᠯ ᠤᠨ ᠬᠠᠷᠢᠭᠤᠴᠠᠯᠭ᠎ᠠ ᠶᠢ | ᠲᠡᠭᠦᠯᠳᠡᠷᠵᠢᠭᠦᠯᠦᠨ᠂ ᠭᠤᠣᠯ ᠴᠣᠭᠴᠠ ᠤᠨ ᠬᠤᠭᠤᠷᠣᠨᠳᠦᠭᠢ᠂ ᠰᠠᠯᠠᠭ᠎ᠠ ᠮᠦᠴᠢᠷ ᠤᠨ ᠬᠤᠭᠤᠷᠣᠨᠳᠦᠭᠢ ᠰᠠᠨᠠᠭᠠᠴᠢᠯᠭ᠎ᠠ ᠲᠠᠢ ᠬᠠᠮᠵᠢᠯᠴᠠᠭ᠎ᠠ ᠶᠢ ᠪᠦᠷᠢᠯᠳᠦᠭᠦᠯᠦᠨ᠂ | ᠺᠠᠳ᠋ᠷᠴᠣᠳ ᠬᠤᠭᠤᠷᠣᠨᠳᠦ ᠪᠠᠨ ᠬᠠᠪᠰᠤᠷᠤᠯᠴᠠᠨ ᠲᠡᠮᠵᠢᠬᠦ ᠠᠵᠢᠯ ᠤᠨ ᠪᠠᠶᠢᠳᠠᠯ ᠢ ᠪᠦᠷᠢᠯᠳᠦᠭᠦᠯᠦᠨ᠎ᠡ᠃ | ᠠᠷᠢᠭᠤᠨ ᠴᠢᠭᠡᠴᠢ ᠶᠢᠨ ᠣᠬᠠᠮᠰᠠᠷ ᠢᠶᠠᠨ ᠲᠡᠭᠡᠭᠰᠢᠯᠡᠭᠦᠯᠵᠣ᠂ ᠬᠢᠵᠠᠭᠠᠷᠯᠠᠯ ᠤᠨ ᠬᠦᠴᠦᠨ ᠢ ᠨᠡᠮᠡᠭᠳᠡᠭᠦᠯᠦᠨ᠎ᠡ᠃ ︽ᠨᠢᠭᠡ ᠪᠠᠶᠢᠷᠢ ᠬᠤᠣᠰ ᠬᠠᠷᠢᠭᠤᠴᠠᠯᠭ᠎ᠠ︾ | ᠶᠢ ᠴᠢᠩᠭ᠎ᠠ ᠨᠠᠶᠢᠳᠠᠪᠦᠷᠢᠵᠢᠭᠤᠯᠵᠣ᠂ ᠴᠢᠬᠤᠯᠠ ᠶᠡᠭᠡ ᠢᠨᠵᠧᠨᠧᠷᠢᠩ᠂ ᠭᠤᠣᠯᠳᠠᠯᠭᠠᠳᠦ ᠲᠦᠷᠦᠯ ᠵᠣᠶᠢᠯ᠂ ᠪᠡᠯᠡ ᠮᠦᠩᠭᠦ ᠣᠯᠭᠤᠬᠤ᠂ ᠲᠠᠭᠠᠭᠠᠴᠢᠯᠠᠯᠳᠠ ᠵᠠᠷᠯᠠᠨ | ᠬᠦᠯᠢᠶᠡᠬᠦ ᠵᠡᠷᠭᠡ ᠭᠤᠣᠯᠳᠠᠯᠭᠠᠳᠦ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠳᠠ ᠪᠠᠶᠢᠴᠠᠭᠠᠯᠳᠠ ᠶᠢ ᠴᠢᠩᠭᠠᠳᠬᠠᠵᠣ᠂ ᠲᠦᠷᠢᠮ ᠢᠶᠠᠷ | ᠬᠠᠮᠢᠶᠠᠷᠬᠤ ᠶᠢ ᠴᠢᠩᠭᠠᠳᠬᠠᠵᠣ᠂ ᠪᠡᠯᠡ ᠮᠦᠩᠭᠦ᠂ ᠲᠦᠷᠦᠯ ᠵᠣᠶᠢᠯ᠂ ᠺᠠᠳ᠋ᠷᠴᠣᠳ ᠤᠨ ᠠᠮᠣᠷ ᠲᠦᠪᠰᠢᠨ ᠢ ᠪᠠᠳᠣᠯᠠᠨ᠎ᠠ᠃ ᠲᠦᠪ ᠤᠨ ᠨᠠᠢᠮᠠᠨ ᠲᠣᠭᠳᠠᠭᠠᠯ ᠪᠣᠯᠣᠨ | ᠬᠡᠷᠡᠭᠵᠢᠭᠦᠯᠬᠦ ᠨᠠᠷᠢᠨ ᠲᠦᠷᠢᠮ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠲᠦᠷᠦᠭᠦᠯᠡᠨ᠂ ᠭᠠᠮᠨᠠᠨ ᠠᠷᠪᠢᠯᠠᠵᠣ ᠡᠩ ᠤᠨ ᠵᠠᠷᠣᠯᠭ᠎ᠠ ᠶᠢ | ᠪᠠᠭᠠᠰᠬᠠᠵᠣ᠂ ᠠᠷᠠᠳ ᠲᠦᠮᠡᠨ ᠤ ᠠᠰᠢᠭ ᠲᠣᠰᠠ ᠶᠢ ᠬᠤᠬᠢᠷᠠᠭᠤᠯᠣᠭᠰᠠᠨ ᠲᠦᠪ ᠪᠣᠰᠣ ᠰᠣᠷᠳᠠᠯ ᠢ ᠡᠷᠡᠰ ᠰᠢᠭᠤᠷᠬᠠᠢ ᠵᠠᠯᠠᠷᠠᠭᠤᠯᠣᠨ᠂ ᠬᠤᠷᠢᠭᠠᠳᠤ ᠣᠷᠣᠨ | ᠦᠭᠡᠢ ᠪᠠᠷ ᠪᠦᠬᠦᠨ ᠢ ᠬᠠᠮᠤᠷᠤᠨ ᠦᠴᠦᠭᠡᠨ ᠴᠣ᠋ ᠠᠭᠤᠴᠢᠯᠠᠬᠤ ᠦᠭᠡᠢ ᠪᠠᠷ ᠢᠯᠵᠢᠷᠠᠯ ᠢ ᠵᠠᠯᠬᠠᠭᠠᠬᠤ ᠶᠢ ᠪᠠᠷᠢᠮᠳᠠᠯᠠᠵᠣ᠂ ᠺᠠᠳ᠋ᠷᠴᠣᠳ ᠠᠷᠢᠭᠤᠨ ᠴᠢᠭᠡᠴᠢ᠂ ᠵᠠᠰᠠᠭ | ᠤᠨ ᠣᠷᠳᠣᠨ ᠲᠦᠪ ᠴᠢᠭᠡᠴᠢ ᠪᠠᠶᠢᠬᠤ ᠶᠢ ᠪᠠᠳᠣᠯᠠᠨ᠎ᠠ᠃ | ᠲᠦᠯᠦᠭᠡᠯᠡᠭᠴᠢᠳ ᠡ᠂ ᠦᠨᠦᠳᠦᠷ ᠤᠨ ᠣᠳᠤᠭ ᠤᠨ ᠡᠮᠦᠨᠡᠳᠦ ᠬᠤᠰᠢᠭᠤᠨ ᠳᠤ ᠠᠰᠢᠭ ᠳᠤᠬᠢᠶᠠᠯ᠂ ᠠᠵᠠ ᠵᠠᠪᠰᠢᠶᠠᠨ᠂ ᠠᠷᠠᠤᠨ ᠤᠨ ᠰᠡᠤᠨᠬᠢᠯ ᠤᠨ | ᠨᠦᠬᠦᠴᠡᠯ ᠪᠦᠷᠢᠯᠳᠤᠵᠤ᠂ ᠢᠳᠡᠬᠡᠯ ᠵᠤᠷᠢᠭ᠂ ᠡᠪ ᠨᠢᠭᠳᠠᠷᠠᠯ᠂ ᠡᠷᠴᠢ ᠭᠥᠴᠥᠨ ᠤ ᠬᠤᠷᠠᠮᠳᠤᠯ ᠪᠦᠷᠢᠳᠦᠭᠰᠡᠨ ᠪᠠᠶᠢᠨ᠎ᠠ᠃ ᠪᠢᠳᠠ ᠠᠷᠠᠤᠨ ᠲᠦᠮᠡᠨ ᠤ ᠢᠳᠡᠬᠡᠯ | ᠨᠠᠶᠢᠳᠠᠯᠭ᠎ᠠ᠂ ᠡᠷᠢᠨ ᠴᠠᠭ ᠤᠨ ᠰᠤᠩᠭᠤᠯᠳᠠ ᠶᠢ ᠬᠦᠰᠡᠷᠳᠡᠬᠦᠯᠤᠯ ᠦᠬᠡᠢ ᠪᠠᠷ ᠬᠤᠰᠢᠭᠤ ᠨᠠᠮ ᠤᠨ ᠬᠤᠷᠢᠶᠠᠨ ᠤ ᠡᠷᠴᠢᠳᠤ ᠤᠳᠤᠷᠢᠳᠤᠯᠭ᠎ᠠ ᠳᠤᠤᠷ᠎ᠠ ᠠᠩᠬᠠᠨ ᠤ | ᠵᠤᠷᠢᠯᠳᠠ ᠪᠠᠨ ᠮᠠᠷᠳᠠᠯ ᠦᠬᠡᠢ ᠳᠠᠷᠬᠠᠨ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠤ᠂ ᠰᠢᠷᠭᠠᠭᠤ ᠪᠤᠳᠠᠳᠠᠢ ᠠᠵᠢᠯᠯᠠᠨ᠂ ᠰᠢᠢᠤᠨᠪᠤᠷᠢᠳᠤ ᠢᠯᠠᠯᠳᠠ ᠶᠢ ᠲᠡᠮᠡᠴᠡᠵᠥ᠂ | ᠡᠩ ᠳᠡᠷᠢᠬᠦᠨ ᠳᠤ ᠴᠢᠨᠡᠬᠡᠯᠢᠭ ᠨᠠᠶᠢᠬᠡᠮ ᠢ ᠪᠦᠬᠦ ᠳᠠᠯ᠎ᠠ ᠪᠠᠷ ᠪᠠᠶᠢᠭᠤᠯᠬᠤ ᠪᠠᠷ ᠴᠦᠬᠦᠷᠡᠰᠢ ᠦᠬᠡᠢ ᠴᠢᠷᠮᠠᠶᠢᠰᠤᠭᠠᠢ︕ | | | ᠨᠡᠷᠡᠰ ᠤᠨ ᠲᠠᠶᠢᠯᠪᠤᠷᠢ | 1. ︽ᠲᠡᠰ ᠴᠢᠨᠠᠷᠳᠤ ᠮᠠᠯ ᠲᠠᠷᠢᠶᠠᠯᠠᠩ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ᠂ ᠪᠤᠯᠪᠠᠰᠤᠷᠠᠯ ᠰᠠᠶᠢᠳᠠᠢ ᠮᠠᠯᠴᠢᠨ ᠲᠠᠷᠢᠶᠠᠴᠢᠳ︾᠄ ᠬᠤᠰᠢᠭᠤ | ᠨᠠᠮ ᠤᠨ ᠬᠤᠷᠢᠶ᠎ᠠ ᠶᠢᠨ ᠶᠢᠰᠥᠳᠥᠭᠡᠷ ᠬᠤᠭᠤᠴᠠᠭᠠᠨ ᠤ ᠭᠤᠷᠪᠠᠳᠤᠭᠠᠷ ᠪᠥᠭᠦᠳᠡ ᠬᠤᠷᠠᠯᠳᠤᠭᠠᠨ ᠠᠩᠬ᠎ᠠ ᠲᠤᠷᠠᠳᠴᠤ ᠭᠠᠷᠭᠠᠭᠰᠠᠨ ᠪᠤᠳᠤᠯᠭ᠎ᠠ᠃ ᠮᠠᠨ ᠤ | ᠬᠤᠰᠢᠭᠤ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠳ︾ ᠤᠨ ᠠᠰᠠᠭᠤᠳᠠᠯ ᠳᠤ ᠴᠢᠭᠯᠡᠭᠦᠯᠥᠨ᠂ ᠲᠡᠰ ᠴᠢᠨᠠᠷᠳᠤ ᠮᠠᠯ ᠲᠠᠷᠢᠶᠠᠯᠠᠩ | ᠤᠨ ᠥᠢᠯᠡᠰ ᠢ ᠴᠤᠭᠴᠠᠯᠠᠵᠤ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ ᠢ ᠪᠠᠶᠢᠭᠤᠯᠤᠨ᠂ ᠮᠠᠯᠴᠢᠨ ᠲᠠᠷᠢᠶᠠᠴᠢᠳ ᠢ ᠪᠤᠯᠪᠠᠰᠤᠷᠠᠯ ᠮᠡᠷᠭᠡᠵᠢᠯ ᠰᠠᠶᠢᠳᠠᠢ | ᠪᠤᠯᠭᠠᠵᠤ᠂ ᠮᠠᠯ ᠲᠠᠷᠢᠶᠠᠯᠠᠩ ᠤᠨ ᠥᠢᠯᠡᠰ ᠤᠨ ᠲᠤᠳᠤᠭᠠᠳᠤ ᠠᠮᠢᠵᠢᠷᠠᠯ ᠤᠨ ᠭᠥᠴᠥᠨ ᠢ ᠢᠳᠡᠪᠬᠢᠯᠡᠭᠦᠯᠤᠨ᠂ ᠮᠠᠯᠵᠢᠬᠤ ᠲᠠᠷᠢᠶᠠᠯᠠᠬᠤ ᠤᠷᠤᠨ ᠤ ᠭᠥᠭᠵᠢᠯᠳᠡ ᠶᠢ | ᠲᠥᠷᠭᠡᠳᠭᠡᠵᠥ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠥ ᠴᠢᠨᠡᠭᠡᠯᠢᠭᠵᠢᠭᠦᠯᠤᠨ᠂ ᠭᠥᠳᠡᠭᠡ ᠨᠤᠳᠤᠭ ᠢ ᠭᠥᠴᠥᠷᠭᠡᠭᠵᠢᠭᠦᠯᠭᠦ ᠵᠤᠷᠢᠯᠭ᠎ᠠ ᠲᠠᠢ | ᠪᠤᠳᠤᠯᠭ᠎ᠠ ᠶᠤᠮ᠃ | 2. ︽ᠵᠢᠷᠭᠤᠭᠠᠨ ᠲᠠᠪᠬᠤᠷ ᠲᠤᠤᠷ︾᠄ ᠬᠤᠰᠢᠭᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯᠳᠤᠭᠠᠨ ᠢᠶᠠᠷ᠂ ᠪᠥᠭᠦ ᠭᠥᠴᠥᠨ ᠢᠶᠠᠷ ᠠᠷᠠᠳ ᠤᠨ ᠠᠮᠢᠳᠤᠷᠠᠯ ᠢ ᠬᠠᠷᠠᠭᠠᠯᠵᠠᠬᠤ ᠵᠤᠷᠢᠯᠭ᠎ᠠ ᠲᠠᠢ ᠲᠤᠷᠠᠳᠤᠨ ᠭᠠᠷᠭᠠᠭᠰᠠᠨ ᠲᠤᠮᠤ ᠤᠴᠢᠷ ᠪᠤᠯᠤᠨ ᠪᠤᠳᠠᠳᠤ | ᠤᠴᠢᠷ ᠤᠳ ᠢ ᠭᠡᠯᠡᠵᠥ ᠪᠤᠢ᠃ ᠲᠠᠷᠥᠢ᠂ ᠶᠠᠳᠠᠭᠤ ᠶᠢ ᠲᠡᠳᠭᠦᠭᠦ ᠪᠠᠳᠤᠯᠠᠭ᠎ᠠ᠂ ᠥᠢᠯᠡᠰ ᠪᠥᠳᠥᠭᠡᠨ ᠠᠵᠢᠯ ᠤᠯᠤᠭᠤᠯᠬᠤ ᠥᠢᠯᠡᠴᠢᠯᠡᠭᠡ᠂ ᠨᠡᠶᠢᠭᠡᠮ ᠤᠨ ᠨᠠᠭᠠᠳᠤ | ᠵᠠᠬ᠎ᠠ ᠶᠢᠨ ᠪᠠᠳᠤᠯᠠᠭ᠎ᠠ᠂ ᠰᠤᠷᠭᠠᠨ ᠭᠥᠮᠥᠵᠢᠯ ᠢᠶᠠᠷ ᠲᠡᠳᠭᠦᠭᠦ ᠪᠤᠳᠤᠯᠭ᠎ᠠ᠂ ᠡᠷᠡᠭᠦᠯ ᠬᠠᠮᠠᠭᠠᠯᠠᠯ ᠴᠢᠬᠢᠷᠠᠭᠵᠢᠯ᠂ ᠰᠤᠶᠤᠯ ᠤᠷᠠᠯᠢᠭ ᠤᠨ ᠴᠡᠩᠭᠡᠭᠦᠨ ᠵᠡᠷᠭᠡ ᠠᠷᠠᠳ ᠢ | ᠬᠠᠷᠠᠭᠠᠯᠵᠠᠬᠤ ᠵᠢᠷᠭᠤᠭᠠᠨ ᠲᠠᠪᠬᠤᠷ ᠪᠠᠳᠤᠯᠠᠭ᠎ᠠ ᠶᠢᠨ ᠲᠤᠤᠷ ᠢ ᠴᠢᠩᠭᠠᠳᠬᠠᠬᠤ ᠶᠢ ᠭᠡᠯᠡᠵᠥ ᠪᠤᠢ᠃ | 3. ︽ᠭᠤᠷᠪᠠᠨ ᠶᠡᠭᠡ ᠰᠢᠪᠳᠤᠯᠤᠯᠳᠠ︾᠄ ᠨᠤᠴᠢᠳᠠᠢ ᠲᠥᠭᠰᠢᠭᠦᠷᠢ ᠶᠢ ᠰᠡᠷᠭᠡᠶᠢᠯᠡᠨ ᠰᠢᠢᠳᠪᠥᠷᠢᠯᠡᠭᠦ ᠠᠵᠢᠯ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ | ᠠᠩᠬᠢᠵᠢᠷᠠᠭᠤᠯᠬᠤ ᠠᠵᠢᠯ ᠪᠤᠯᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠭᠤᠷᠪᠠᠨ ᠶᠡᠭᠡ ᠰᠢᠪᠳᠤᠯᠤᠯᠳᠠ ᠶᠢᠨ ᠡᠭᠦᠷᠭᠡ ᠶᠢ ᠵᠢᠭᠠᠵᠤ ᠪᠤᠢ᠃ ᠨᠠᠮ ᠤᠨ | ᠠᠷᠪᠠ ᠶᠢᠰᠥᠳᠥᠭᠡᠷ ᠶᠡᠭᠡ ᠬᠤᠷᠠᠯ ᠠᠴᠠ ᠨᠤᠴᠢᠳᠠᠢ ᠲᠥᠭᠰᠢᠭᠦᠷᠢ ᠶᠢ ᠰᠡᠷᠭᠡᠶᠢᠯᠡᠨ ᠰᠢᠢᠳᠪᠥᠷᠢᠯᠡᠭᠦ ᠠᠵᠢᠯ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ | ᠠᠩᠬᠢᠵᠢᠷᠠᠭᠤᠯᠬᠤ ᠠᠵᠢᠯ ᠪᠤᠯᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠴᠢᠩᠳᠠᠯᠠᠨ ᠬᠢᠭᠦ ᠭᠡᠷᠡᠭᠳᠡᠢ ᠭᠡᠵᠥ ᠵᠢᠭᠠᠪᠤᠷᠢᠯᠠᠭᠰᠠᠨ ᠪᠥᠭᠡᠳ ︽2018 | ᠤᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠠᠩᠬ᠎ᠠ ᠤᠳᠠᠭ᠎ᠠ ︽ᠭᠤᠷᠪᠠᠨ ᠶᠡᠭᠡ ᠰᠢᠪᠳᠤᠯᠤᠯᠳᠠ︾ | ᠭᠡᠭᠦ ᠨᠡᠷ᠎ᠡ ᠲᠤᠮᠢᠶ᠎ᠠ ᠶᠢ ᠵᠠᠷᠤᠭᠰᠠᠨ ᠪᠠᠶᠢᠨ᠎ᠠ᠃ | 4. ︽ᠬᠤᠳᠳᠤᠭ ᠢ ᠪᠢᠳᠠᠭᠦᠮᠵᠢᠯᠠᠨ ᠲᠠᠷᠢᠶᠠᠨ ᠭᠠᠵᠠᠷ ᠢ ᠪᠠᠭᠠᠰᠬᠠᠬᠤ︾᠄ ᠮᠠᠨ ᠤ ᠬᠤᠰᠢᠭᠤᠨ ᠤ ᠤᠰᠤᠨ ᠡᠬᠢ ᠰᠤᠷᠪᠤᠯᠵᠢ ᠶᠢᠨ ᠬᠠᠮᠤᠭ ᠴᠢᠩᠭ᠎ᠠ | ᠬᠠᠮᠢᠶᠠᠷᠤᠯᠳᠠ ᠶᠢᠨ ᠲᠥᠷᠢᠮ ᠤᠨ ᠲᠤᠭᠤᠷᠢᠨ ᠳᠤ᠂ ᠬᠡᠳᠥᠷᠡᠳᠡᠯᠡ ᠤᠰᠤ ᠬᠡᠷᠡᠭᠯᠡᠵᠥ ᠪᠠᠶᠢᠬᠤ ᠭᠠᠵᠠᠷ ᠤᠷᠤᠨ ᠳᠤ ᠭᠡᠷᠡᠭᠵᠢᠭᠦᠯᠭᠦ ᠤᠰᠤᠨ ᠤ ᠬᠠᠮᠢᠶᠠᠷᠤᠯᠳᠠ ᠶᠢᠨ | ᠠᠵᠢᠯ ᠤᠨ ᠠᠷᠭ᠎ᠠ ᠠᠪᠴᠠᠯ᠃ ᠲᠥᠷᠢᠮ ᠵᠥᠷᠢᠴᠡᠨ ᠥᠷᠥᠮᠳᠡᠭᠰᠡᠨ ᠮᠠᠰᠢᠨ ᠬᠤᠳᠳᠤᠭ ᠢ ᠪᠢᠳᠡᠭᠦᠮᠵᠢᠯᠡᠭᠦ ᠪᠠ ᠲᠥᠷᠢᠮ ᠵᠥᠷᠢᠴᠡᠨ ᠬᠠᠭᠠᠯᠪᠤᠷᠢᠯᠠᠭᠰᠠᠨ | ᠤᠰᠤᠯᠠᠯᠳᠠ ᠶᠢᠨ ᠲᠠᠷᠢᠶᠠᠨ ᠭᠠᠵᠠᠷ ᠢ ᠪᠠᠭᠠᠰᠬᠠᠬᠤ ᠪᠠᠷ ᠲᠠᠮᠵᠢᠭᠤᠯᠤᠨ᠂ ᠤᠰᠤᠨ ᠡᠬᠢ ᠰᠤᠷᠪᠤᠯᠵᠢ ᠶᠢ ᠲᠤᠬᠢᠳᠠᠢ ᠨᠡᠭᠡᠭᠡᠨ ᠠᠰᠢᠭᠯᠠᠵᠤ᠂ ᠠᠳᠠᠷ ᠬᠠᠭᠠᠯᠪᠤᠷᠢᠯᠠᠵᠤ | ᠲᠠᠷᠢᠶ᠎ᠠ ᠤᠰᠤᠯᠠᠬᠤ ᠶᠢ ᠲᠠᠰᠤ ᠬᠤᠷᠢᠭᠯᠠᠨ᠂ ᠤᠰᠤᠨ ᠬᠡᠷᠡᠭᠯᠡᠯᠳᠡ ᠪᠠ ᠭᠠᠵᠠᠷ ᠰᠢᠷᠥᠢ ᠶᠢᠨ ᠡᠬᠢ ᠰᠤᠷᠪᠤᠯᠵᠢ ᠶᠢᠨ ᠵᠥᠷᠢᠴᠡᠯ ᠢ ᠨᠠᠮᠳᠠᠭᠤᠯᠵᠤ᠂ ᠪᠠᠶᠢᠭᠠᠯᠢ ᠠᠬᠤᠢ | ᠶᠢ ᠬᠠᠮᠠᠭᠠᠯᠠᠨ᠂ ᠮᠠᠯᠵᠢᠬᠤ ᠲᠠᠷᠢᠶᠠᠯᠠᠬᠤ ᠤᠷᠤᠨ ᠤ ᠤᠰᠤᠨ ᠡᠬᠢ ᠰᠤᠷᠪᠤᠯᠵᠢ ᠶᠢᠨ ᠥᠷᠭᠦᠯᠵᠢᠭᠦᠶᠢᠴᠡ ᠠᠰᠢᠭᠯᠠᠯᠳᠠ ᠶᠢ ᠪᠠᠳᠤᠯᠠᠬᠤ ᠪᠤᠳᠤᠯᠭ᠎ᠠ᠃ | 5. ︽ᠰᠢᠷᠭᠤᠯᠵᠢᠨ︾ ᠤᠢ᠄ ᡁᠢ ᠹᠦ᠋ ᠪᠤᠤ ᠲᠠᠪᠴᠠᠩ ᠠᠴᠠ ᠬᠡᠷᠡᠭᠯᠡᠭᠴᠢᠳ ᠲᠤ ᠴᠢᠭᠯᠡᠭᠦᠯᠥᠨ ᠰᠤᠳᠤᠯᠤᠨ ᠨᠡᠭᠡᠭᠡᠭᠰᠡᠨᠨᠡᠶᠢᠳᠡ ᠶᠢᠨ ᠠᠰᠠᠷᠠᠮᠵᠢ ᠶᠢᠨ | ᠴᠢᠨᠠᠷᠳᠤ ᠠᠵᠢᠯᠯᠠᠭᠠᠨ ᠤ ᠫᠷᠥᠭᠷᠠᠮ ᠬᠡᠷᠡᠭᠯᠡᠭᠡ᠃ ᠨᠡᠶᠢᠭᠡᠮ ᠨᠡᠶᠢᠳᠡ ᠳᠤ ᠬᠤᠷᠤᠭᠳᠠᠯ ᠪᠠᠭᠠᠳᠠᠢ ᠵᠤᠷᠰᠢᠯ ᠢ ᠲᠥᠭᠡᠭᠡᠭᠦ ᠵᠤᠷᠢᠯᠭ᠎ᠠ ᠪᠠᠷ ᠭᠡᠷᠡᠭᠯᠡᠭᠴᠢᠳ ᠢ ᠰᠥᠯᠵᠢᠶᠡᠨ | ᠲᠡᠭᠡᠷ᠎ᠡ ᠬᠡᠶᠢᠰᠪᠤᠷᠢ ᠮᠤᠳᠤ ︽ᠲᠠᠷᠢᠭᠤᠯᠵᠤ ︾᠂ ᠲᠡᠷᠡ ᠨᠢ ︽ᠥᠰᠴᠤ︾ ᠲᠤᠮᠤ ᠪᠤᠯᠤᠭᠰᠠᠨ ᠬᠤᠶᠢᠨ᠎ᠠ ᠨᠡᠶᠢᠳᠡ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠳᠠ | ᠪᠤᠯᠤᠨ ᠤᠷᠴᠢᠨ ᠬᠠᠮᠠᠭᠠᠯᠠᠯᠳᠠ ᠶᠢᠨ ᠠᠵᠤ ᠠᠬᠤᠶᠢᠯᠠᠯ ᠵᠡᠷᠭᠡ ᠪᠤᠳᠠᠳᠤ ᠴᠤᠭᠴᠠ ᠶᠢᠨ ᠪᠠᠶᠢᠭᠤᠯᠤᠮᠵᠢ ᠠᠴᠠ ᠬᠡᠷᠡᠭᠯᠡᠭᠴᠢ ᠶᠢᠨ ︽ᠲᠠᠷᠢᠵᠤ ᠠᠷᠠᠴᠢᠯᠠᠭᠰᠠᠨ︾ | ᠬᠡᠶᠢᠰᠪᠤᠷᠢ ᠮᠤᠳᠤ ᠶᠢ ᠨᠢ ᠬᠤᠳᠠᠯᠳᠤᠨ ᠠᠪᠴᠤ᠂ ᠪᠤᠳᠠᠳᠤ ᠠᠮᠢᠳᠤᠷᠠᠯ ᠳᠤ ᠠᠯᠢ ᠨᠢᠭᠡᠨ ᠭᠠᠵᠠᠷ ᠵᠢᠩᠬᠢᠨᠢ ᠮᠤᠳᠤ ᠪᠤᠯᠭᠠᠵᠤ ᠲᠠᠷᠢᠳᠠᠭ ᠠᠵᠢᠯᠯᠠᠭ᠎ᠠ ᠶᠢ ᠭᠡᠯᠡᠵᠥ ᠪᠤᠢ | ᠃ ᠮᠠᠨ ᠤ ᠬᠤᠰᠢᠭᠤᠨ ᠤ ︽ᠰᠢᠷᠭᠤᠯᠵᠢᠨ︾ ᠤᠢ ᠶᠢᠨ ᠨᠡᠶᠢᠳᠡ ᠶᠢᠨ ᠠᠰᠠᠷᠠᠮᠵᠢ ᠶᠢᠨ ᠲᠥᠷᠥᠯ ᠵᠥᠢᠯ ᠤᠳᠤ ᠨᠢᠭᠡᠨᠳᠡ ᠡᠬᠢᠯᠡᠪᠡ᠃ | 6. ︽ᠠᠭᠤᠵᠢᠭᠤ ᠲᠠᠯᠪᠢᠵᠤ᠂ ᠴᠢᠩᠭ᠎ᠠ ᠬᠠᠮᠢᠶᠠᠷᠬᠤ︾᠄ ᠮᠠᠨ ᠤ ᠬᠤᠰᠢᠭᠤᠨ ᠤ ᠠᠵᠤ ᠥᠢᠯᠡᠳᠪᠥᠷᠢ ᠶᠢᠨ ᠲᠠᠩᠰᠠᠯᠠᠯᠳᠠ ᠶᠢᠨ ᠲᠥᠷᠢᠮ ᠤᠨ | ᠥᠭᠡᠷᠡᠴᠢᠯᠡᠯᠳᠡ ᠲᠤᠮᠳᠠᠬᠢ ᠰᠢᠨᠡᠴᠢᠯᠡᠭᠦ ᠠᠷᠭ᠎ᠠ ᠠᠪᠴᠠᠯ᠃ ︽ᠠᠭᠤᠵᠢᠭᠤ ᠲᠠᠯᠪᠢᠬᠤ︾ ᠭᠡᠳᠡᠭ ᠨᠢ ᠤᠯᠤᠰ ᠤᠨ ᠲᠥᠷᠥ ᠶᠢᠨ ᠪᠤᠳᠤᠯᠭ᠎ᠠ ᠪᠤᠯᠤᠨ ᠠᠵᠤ ᠥᠢᠯᠡᠰ | ᠤᠨ ᠭᠥᠭᠵᠢᠭᠦᠯᠥᠯ ᠤᠨ ᠲᠤᠬᠢᠷᠠᠭᠤᠯᠭ᠎ᠠ ᠶᠢᠨ ᠬᠤᠷᠸ᠎ᠠ ᠤᠷᠴᠢᠨ ᠲᠤᠤᠷ᠎ᠠ᠂ ᠠᠵᠤ ᠥᠢᠯᠡᠰᠵᠢᠭᠦᠯᠥᠭᠰᠡᠨ ᠲᠥᠷᠥᠯ ᠵᠥᠢᠯ ᠤᠳ ᠢ ᠰᠤᠩᠭᠤᠯᠳᠠᠳᠤ ᠴᠢᠨᠠᠷ ᠲᠠᠢ ᠪᠠᠷ | ᠤᠷᠢᠨ ᠲᠠᠳᠠᠵᠤ᠂ ᠬᠠᠤᠯᠢ ᠲᠤᠭᠳᠠᠭᠠᠯ ᠤᠨ ᠶᠤᠰᠤᠭᠠᠷ ᠲᠥᠷᠥᠯ ᠵᠥᠢᠯ ᠤᠨ ᠴᠤᠬᠤᠯᠠᠪᠤᠷᠢᠯᠠᠯ ᠢ ᠴᠤᠮᠬᠠᠳᠬᠠᠵᠤ ᠥᠢᠯᠡᠴᠢᠯᠡᠭᠡ ᠶᠢ ᠰᠢᠯᠢᠳᠡᠭᠵᠢᠭᠦᠯᠥᠨ᠂ ᠲᠥᠷᠥᠯ | ᠵᠥᠢᠯ ᠤᠨ ᠡᠮᠥᠨ᠎ᠡ ᠬᠤᠭᠤᠴᠠᠭᠠᠨ ᠤ ᠭᠠᠷ ᠭᠥᠢᠴᠡᠳᠭᠡᠯ ᠢ ᠱᠠᠯᠠᠪᠳᠠᠭᠤᠯᠬᠤ ᠶᠢ ᠭᠡᠯᠡᠵᠥ ᠪᠤᠢ︔ ︽ᠴᠢᠩᠭ᠎ᠠ ᠬᠠᠮᠢᠶᠠᠷᠬᠤ︾ ᠭᠡᠳᠡᠭ ᠨᠢ ᠲᠥᠷᠥᠯ ᠵᠥᠢᠯ | ᠴᠤᠬᠤᠯᠠᠪᠤᠷᠢᠯᠠᠯ ᠤᠯᠤᠭᠰᠠᠨ ᠬᠤᠶᠢᠨ᠎ᠠ ᠬᠠᠮᠢᠶ᠎ᠠ ᠪᠥᠭᠦᠢ ᠬᠥᠷᠢᠶ᠎ᠠ ᠴᠠᠷᠠᠭᠠᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠬᠢᠨ ᠲᠥᠷᠥᠯ ᠵᠥᠢᠯ ᠤᠨ | ᠪᠠᠷᠢᠯᠭ᠎ᠠ ᠪᠠᠶᠢᠭᠤᠯᠤᠯᠳᠠ ᠠᠴᠠ ᠡᠬᠢᠯᠡᠨ ᠠᠰᠢᠭᠯᠠᠯᠳᠠ ᠳᠤ ᠤᠷᠤᠳᠠᠯ᠎ᠠ ᠪᠥᠭᠦ ᠶᠠᠪᠤᠴᠠ ᠶᠢ ᠨᠢ ᠴᠢᠩᠭ᠎ᠠ ᠬᠢᠨᠠᠨ ᠬᠠᠮᠢᠶᠠᠷᠴᠤ᠂ ᠲᠥᠷᠥᠯ ᠵᠥᠢᠯ ᠤᠨ ᠤᠷᠤᠨᠵᠢᠯᠳᠠ | ᠪᠤᠯᠤᠨ ᠬᠠᠤᠯᠢ ᠶᠤᠰᠤᠨ ᠤ ᠡᠵᠡᠩᠨᠡᠯᠳᠡ ᠬᠢᠭᠦ ᠶᠢ ᠨᠢ ᠪᠠᠳᠤᠯᠠᠬᠤ ᠶᠢ ᠵᠢᠭᠠᠵᠤ ᠪᠤᠢ᠃ | 7. ︽ᠡᠮᠡᠭᠡᠯ ᠶᠡᠭᠦᠯᠡᠨ ᠮᠤᠷᠢ ᠰᠤᠯᠢᠬᠤ︾ ᠪᠠᠷ ᠰᠢᠬᠠᠮᠳᠠᠭᠤᠯᠬᠤ ᠲᠤᠭᠳᠠᠴᠠ᠄ ᠮᠠᠨ ᠤ ᠬᠤᠰᠢᠭᠤ ᠴᠢᠬᠤᠯᠠ ᠲᠥᠷᠥᠯ ᠵᠥᠢᠯ ᠤᠳ ᠢ ᠪᠥᠳᠥᠮᠵᠢᠳᠠᠢ | ᠠᠬᠢᠭᠤᠯᠬᠤ ᠶᠢᠨ ᠲᠥᠯᠥᠭᠡ ᠰᠢᠨᠡᠴᠢᠯᠡᠯᠳᠡ ᠲᠠᠢ ᠪᠠᠷ ᠠᠪᠤᠭᠰᠠᠨ ᠲᠤᠭᠳᠠᠴᠠ᠃ ᠴᠤᠬᠤᠯᠠᠪᠤᠷᠢᠯᠠᠯ ᠲᠠᠮᠵᠢᠭᠰᠠᠨ ᠪᠤᠯᠪᠠᠴᠤ ᠪᠠᠷᠢᠯᠭ᠎ᠠ ᠶᠢᠨ ᠠᠬᠢᠴᠠ ᠥᠭᠡᠢ | ᠲᠥᠷᠥᠯ ᠵᠥᠢᠯ ᠲᠠᠭᠠᠭᠠᠴᠢᠯᠠᠭᠴᠢ ᠠᠴᠠ ᠡᠬᠢ ᠰᠤᠷᠪᠤᠯᠵᠢ ᠶᠢᠨ ᠭᠠᠶᠢᠯᠢ ᠲᠠᠳᠠᠪᠤᠷᠢᠯᠠᠬᠤ᠂ ᠲᠥᠷᠥᠯ ᠵᠥᠢᠯ ᠤᠨ ᠪᠠᠶᠢᠭᠤᠯᠤᠯᠳᠠ ᠶᠢᠨ ᠪᠡᠶᠡᠴᠢ ᠴᠤᠭᠴᠠ ᠶᠢ | ᠰᠤᠯᠢᠬᠤ ᠪᠠ ᠲᠥᠷᠥᠯ ᠵᠥᠢᠯ ᠤᠨ ᠪᠠᠶᠢᠭᠤᠯᠤᠯᠳᠠ ᠶᠢᠨ ᠬᠤᠪᠢᠴᠠᠭᠠᠨ ᠡᠷᠭᠡ ᠶᠢ ᠴᠡᠭᠴᠡᠯᠡᠨ ᠲᠤᠬᠢᠷᠠᠭᠤᠯᠬᠤ ᠵᠡᠷᠭᠡ ᠠᠷᠭ᠎ᠠ ᠬᠡᠮᠵᠢᠶ᠎ᠠ ᠠᠪᠴᠤ ᠲᠥᠷᠥᠯ ᠵᠥᠢᠯ ᠢ | ᠱᠠᠯᠠᠪᠳᠠᠭᠤᠯᠵᠤ ᠰᠢᠬᠠᠮᠳᠠᠭᠤᠯᠤᠨ ᠪᠠᠶᠢᠭᠤᠯᠤᠯᠳᠠ ᠶᠢ ᠨᠢ ᠲᠥᠷᠭᠡᠳᠭᠡᠵᠥ᠂ ᠴᠢᠨᠠᠷᠯᠢᠭ ᠰᠠᠶᠢᠨ ᠲᠥᠷᠥᠯ ᠵᠥᠢᠯ ᠤᠨ ᠡᠬᠢ ᠰᠤᠷᠪᠤᠯᠵᠢ ᠶᠢ ᠵᠥᠭᠡᠷ ᠤᠷᠬᠢᠭᠳᠠᠭᠤᠯᠬᠤ | ᠠᠴᠠ ᠰᠡᠷᠭᠡᠶᠢᠯᠡᠭᠦ ᠠᠷᠭ᠎ᠠ ᠠᠪᠴᠠᠯ᠃ | 8. ︽LNG︾᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ︵Liquefied Natural Gas︶ ᠶᠢᠨ ᠲᠤᠪᠴᠢᠯᠠᠯ ᠪᠢᠴᠢᠯᠭᠡ᠃ | 9. ︽ᠭᠥᠳᠡᠭᠡ ᠨᠤᠳᠤᠭ ᠢ ᠭᠥᠴᠥᠷᠭᠡᠭᠵᠢᠭᠦᠯᠥᠨ ᠭᠥᠭᠵᠢᠭᠦᠯᠭᠦ ᠪᠤᠳᠤᠯᠭ᠎ᠠ︾᠄ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠥᠳᠥᠭᠡᠷ | ᠤᠳᠠᠭᠠᠨ ᠤ ᠪᠥᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠲᠡᠭᠡᠷ᠎ᠡ ᠠᠩᠬ᠎ᠠ ᠲᠤᠷᠠᠳᠤᠨ ᠭᠠᠷᠭᠠᠪᠠ᠃ ᠲᠠᠷᠤᠢ᠂ ᠮᠠᠯ ᠲᠠᠷᠢᠶᠠᠯᠠᠩ ᠤᠨ ᠥᠢᠯᠡᠰ ᠪᠤᠯᠤᠨ | ᠮᠠᠯᠵᠢᠬᠤ ᠲᠠᠷᠢᠶᠠᠯᠠᠬᠤ ᠤᠷᠤᠨ ᠢ ᠲᠡᠷᠢᠭᠦᠨ ᠳᠤ ᠨᠢ ᠭᠥᠭᠵᠢᠭᠦᠯᠵᠥ᠂ ᠮᠠᠯ ᠲᠠᠷᠢᠶᠠᠯᠠᠩ ᠤᠨ ᠥᠢᠯᠡᠰ ᠪᠤᠯᠤᠨ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ | ᠶᠢ ᠲᠥᠷᠭᠡᠳᠭᠡᠨ᠂ ᠭᠥᠳᠡᠭᠡ ᠨᠤᠳᠤᠭ ᠤᠨ ᠨᠡᠶᠢᠳᠡ ᠶᠢᠨ ᠥᠢᠯᠡᠴᠢᠯᠡᠭᠡᠨ ᠤ ᠬᠢᠷᠢ ᠲᠥᠪᠰᠢᠨ ᠢ ᠰᠠᠶᠢᠵᠢᠷᠠᠭᠤᠯᠵᠤ᠂ ᠭᠥᠳᠡᠭᠡ ᠨᠤᠳᠤᠭ ᠤᠨ ᠥᠨᠳᠥᠰᠥᠨ ᠱᠠᠳᠤᠨ | ᠳᠤ ᠬᠢ ᠰᠠᠭᠤᠷᠢ ᠠᠵᠢᠯ ᠢ ᠴᠢᠩᠭᠠᠳᠬᠠᠨ᠂ ᠬᠤᠳᠠ ᠭᠥᠳᠡᠭᠡ ᠶᠢᠨ ᠵᠤᠬᠢᠴᠠᠯᠳᠤ ᠭᠥᠭᠵᠢᠯᠳᠡ ᠶᠢ ᠠᠬᠢᠭᠤᠯᠵᠤ᠂ ᠠᠵᠤ ᠥᠢᠯᠡᠰ ᠥᠷᠨᠢᠩᠭᠦᠢ᠂ ᠠᠮᠢ ᠠᠬᠤᠢ | ᠵᠤᠬᠢᠴᠠᠩᠭᠤᠢ᠂ ᠨᠤᠳᠤᠭ ᠤᠨ ᠰᠤᠷᠳᠠᠯ ᠪᠤᠯᠪᠠᠰᠤᠨ᠂ ᠵᠠᠰᠠᠯᠳᠠ ᠬᠠᠮᠢᠶᠠᠷᠤᠯᠳᠠ ᠪᠥᠳᠥᠮᠵᠢᠳᠡᠢ᠂ ᠠᠵᠤ ᠠᠮᠢᠳᠤᠷᠠᠯ ᠴᠢᠨᠡᠭᠡᠯᠢᠭ ᠪᠤᠯᠭᠠᠬᠤ ᠪᠤᠳᠤᠯᠭ᠎ᠠ ᠃ | 10. ︽ᠮᠠᠯ ᠲᠠᠷᠢᠶᠠᠯᠠᠩ ᠤᠨ ᠴᠢᠨᠠᠷ ᠰᠠᠶᠢᠳᠠᠢ ᠠᠰᠢᠭ ᠰᠢᠮ᠎ᠡ ᠪᠥᠳᠥᠭᠡᠭᠳᠡᠭᠦᠨ ᠤ ᠭᠠᠷᠤᠯᠳᠠ ᠶᠢᠨ ᠰᠠᠭᠤᠷᠢᠨ︾᠄ ᠬᠤᠰᠢᠭᠤ ᠠᠷᠪᠠᠳᠤᠭᠠᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢᠶᠠᠷ ᠲᠤᠷᠠᠳᠤᠭᠰᠠᠨ᠂ ᠲᠠᠪᠤᠨ ᠵᠢᠯ ᠤᠨ ᠴᠢᠷᠮᠠᠶᠢᠯᠭ᠎ᠠ ᠪᠠᠷ ᠲᠠᠮᠵᠢᠨ 100 | ᠲᠥᠮᠡᠨ ᠰᠠᠶᠢᠨ ᠡᠭᠦᠯᠳᠡᠷ ᠤᠨ ᠠᠯᠠᠰᠢᠨ ᠥᠭᠡᠷ᠂ 10 ᠲᠥᠮᠡᠨ ᠡᠭᠦᠯᠳᠡᠷ ᠰᠠᠶᠢᠳᠠᠢ ᠠᠯᠠᠰᠢᠨ ᠪᠤᠭ ᠮᠠᠯ᠂ ᠲᠥᠮᠡᠨ ᠲᠤᠨ ᠴᠢᠨᠠᠷ ᠰᠠᠶᠢᠳᠠᠢ ᠲᠠᠷᠢᠠᠶ᠋ᠯᠠᠩ ᠤᠨ | ᠪᠥᠳᠥᠭᠡᠭᠳᠡᠭᠦᠨ᠂ 100 ᠲᠤᠨ ᠰᠠᠶᠢᠨ ᠴᠢᠨᠠᠷᠳᠤ ᠨᠠᠷᠢᠨ ᠨᠤᠤᠯᠤᠭᠤᠷ ᠲᠠᠸᠠᠷᠴᠢᠯᠠᠬᠤ ᠰᠠᠭᠤᠷᠢᠨ ᠴᠤᠭᠴᠠᠯᠠᠵᠤ᠂ ᠮᠠᠯ ᠲᠠᠷᠢᠶᠠᠯᠠᠩ ᠤᠨ ᠠᠰᠢᠭ ᠰᠢᠮ᠎ᠡ | ᠪᠥᠳᠥᠭᠡᠭᠳᠡᠭᠦᠨ ᠤ ᠶᠠᠰᠤ ᠴᠢᠨᠠᠷ ᠢ ᠪᠥᠭᠦ ᠲᠠᠯ᠎ᠠ ᠪᠠᠷ ᠠᠬᠢᠭᠤᠯᠬᠤ ᠡᠨᠡ ᠭᠦ ︽ᠲᠥᠷᠪᠡᠨ ᠨᠢᠭᠡ︾ ᠶᠢᠨ ᠭᠠᠷᠤᠯᠳᠠ ᠶᠢᠨ ᠰᠠᠭᠤᠷᠢᠨ ᠢ ᠬᠠᠮᠳᠤᠷᠠᠭᠤᠯᠤᠨ ︽ᠮᠠᠯ | ᠲᠠᠷᠢᠶᠠᠯᠠᠩ ᠤᠨ ᠴᠢᠨᠠᠷ ᠰᠠᠶᠢᠳᠠᠢ ᠠᠰᠢᠭ ᠰᠢᠮ᠎ᠡ ᠪᠥᠳᠥᠭᠡᠭᠳᠡᠭᠦᠨ ᠤ ᠭᠠᠷᠤᠯᠳᠠ ᠶᠢᠨ ᠰᠠᠭᠤᠷᠢᠨ︾ ᠭᠡᠵᠥ ᠨᠡᠷᠡᠯᠡᠪᠡ᠃ | 11. ︽ᠭᠤᠷᠪᠠᠨ ᠪᠥᠳᠥᠭᠡᠭᠳᠡᠭᠦᠨ ᠨᠢᠭᠡ ᠢᠯᠡᠳᠭᠡᠯ ᠲᠠᠩᠰᠠᠯᠠᠯᠳᠠ︾᠄ ᠮᠠᠯ ᠲᠠᠷᠢᠶᠠᠨ ᠤ ᠪᠤᠬᠢᠷᠳᠤᠯ ᠥᠭᠡᠢ ᠠᠰᠢᠭ ᠰᠢᠮ᠎ᠡ᠂ ᠪᠤᠵᠠᠷᠳᠤᠯ ᠥᠭᠡᠢ ᠢᠳᠡᠭᠡᠨ᠂ | ᠮᠠᠯ ᠲᠠᠷᠢᠶᠠᠨ ᠤ ᠤᠷᠭᠠᠨᠢᠭ ᠪᠥᠳᠥᠭᠡᠭᠳᠡᠭᠦᠨ ᠬᠢᠭᠡᠳ ᠮᠠᠯ ᠲᠠᠷᠢᠶᠠᠨ ᠤ ᠠᠰᠢᠭ ᠰᠢᠮ᠎ᠡ ᠶᠢᠨ ᠭᠠᠵᠠᠷ ᠵᠥᠢ ᠶᠢᠨ ᠢᠯᠡᠳᠭᠡᠯ ᠲᠠᠩᠰᠠᠯᠠᠯᠳᠠ ᠶᠢ ᠬᠡᠯᠡᠵᠥ ᠪᠤᠢ᠃ | 12. ︽ᠬᠤᠶᠠᠷ ᠢ ᠲᠤᠬᠢᠶᠠᠯᠳᠤᠯ ᠢᠶᠠᠷ᠂ ᠨᠢᠭᠡ ᠶᠢ ᠢᠯᠡᠰᠢᠭᠦᠯᠭᠦ︾᠄ ᠡᠨᠡ ᠪᠤᠯ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 2015 ᠤᠨ | ᠤ 8 ᠰᠷ᠎ᠠ ᠳᠤ ᠨᠡᠶᠢᠳᠡᠯᠡᠭᠰᠡᠨ ︽ᠭᠡᠷᠡᠭ ᠤᠨ ᠶᠠᠪᠤᠴᠠ ᠪᠠ ᠭᠡᠷᠡᠭ ᠤᠨ ᠲᠠᠷᠠᠭ᠎ᠠ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠬᠢᠨᠠᠯᠳᠠ ᠬᠠᠮᠢᠶᠠᠷᠤᠯᠳᠠ ᠶᠢ | ᠲᠥᠭᠡᠮᠡᠯᠵᠢᠭᠦᠯᠭᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠤᠨ ᠱᠠᠭᠠᠷᠳᠠᠯᠭ᠎ᠠ ᠪᠠᠷ ᠪᠥᠭᠦ ᠤᠯᠤᠰ ᠲᠤ ᠲᠥᠭᠡᠮᠡᠯᠵᠢᠭᠦᠯᠥ ᠲᠡᠯᠭᠡᠷᠡᠭᠦᠯᠥᠭᠰᠡᠨ | ᠬᠢᠨᠠᠯᠳᠠ ᠬᠠᠮᠢᠶᠠᠷᠤᠯᠳᠠ ᠶᠢᠨ ᠠᠷᠭ᠎ᠠ ᠠᠪᠴᠠᠯ ᠶᠤᠮ᠃ ᠬᠢᠨᠠᠯᠳᠠ ᠬᠠᠮᠢᠶᠠᠷᠤᠯᠳᠠ ᠶᠢᠨ ᠶᠠᠪᠤᠴᠠ ᠳᠤ ᠪᠠᠶᠢᠴᠠᠭᠠᠭᠳᠠᠬᠤ ᠡᠳᠡᠭᠡᠳ ᠪᠤᠯᠤᠨ ᠬᠠᠤᠯᠢ ᠭᠡᠷᠭᠵᠢᠭᠦᠯᠭᠦ | ᠬᠢᠨᠠᠭᠴᠢ ᠪᠠᠶᠢᠴᠠᠭᠠᠭᠴᠢᠳ ᠢ ᠲᠤᠬᠢᠶᠠᠯᠳᠤᠯ ᠢᠶᠠᠷ ᠰᠤᠭᠤᠴᠢᠨ ᠲᠤᠭᠳᠠᠭᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠬᠢᠭᠡᠳ ᠪᠠᠶᠢᠴᠠᠭᠠᠨ ᠰᠢᠢᠳᠪᠥᠷᠢᠯᠡᠭᠰᠡᠨ ᠥᠷ᠎ᠡ | ᠳ᠋ᠥᠩ ᠢᠶᠠᠨ ᠴᠠᠭ ᠲᠠᠷᠤᠢ ᠳᠤ ᠨᠢ ᠨᠡᠶᠢᠭᠡᠮ ᠨᠡᠶᠢᠳᠡ ᠳᠤ ᠢᠯᠡᠰᠢᠭᠦᠯᠭᠦ ᠶᠢ ᠵᠢᠭᠠᠵᠤ ᠪᠤᠢ᠃ | 13. ︽ ᠪᠠᠭᠤᠯᠭᠠᠬᠤ᠂ ᠬᠠᠮᠢᠶᠠᠷᠬᠤ ᠂ ᠥᠢᠯᠡᠴᠢᠯᠡᠭᠦ︾ ᠥᠭᠡᠷᠡᠴᠢᠯᠡᠯᠳᠡ᠄ ︽ᠪᠠᠭᠤᠯᠭᠠᠬᠤ︾ ᠭᠡᠳᠡᠭ ᠪᠤᠯ ᠵᠠᠰᠠᠭ ᠤᠨ ᠡᠷᠭᠡ ᠶᠢ ᠴᠤᠮᠬᠠᠳᠬᠠᠵᠤ᠂ | ᠨᠥᠭᠦᠴᠡᠯ ᠱᠠᠭᠠᠷᠳᠠᠯᠭ᠎ᠠ ᠶᠢ ᠪᠠᠭᠤᠯᠭᠠᠨ ᠠᠭᠤᠵᠢᠳᠬᠠᠬᠤ︔ ︽ᠬᠠᠮᠢᠶᠠᠷᠬᠤ︾ ᠭᠡᠳᠡᠭ ᠪᠤᠯ ᠲᠥᠪ ᠭᠤᠤᠯᠴᠢ ᠪᠠᠷ ᠬᠢᠨᠠᠨ ᠬᠠᠮᠢᠶᠠᠷᠴᠤ᠂ ᠡᠷᠭᠡ ᠲᠡᠭᠰᠢ | ᠥᠷᠢᠰᠥᠯᠳᠥᠭᠡᠨ ᠢ ᠠᠬᠢᠭᠤᠯᠬᠤ︔ ︽ᠥᠢᠯᠡᠴᠢᠯᠡᠭᠦ︾ ᠬᠡᠳᠡᠭ ᠪᠤᠯ ᠥᠨᠳᠥᠷ ᠪᠥᠳᠥᠮᠵᠢᠳᠠᠢ ᠥᠢᠯᠡᠴᠢᠯᠡᠵᠥ᠂ ᠲᠥᠭᠦᠮ ᠲᠥᠳᠡ ᠨᠥᠭᠦᠴᠡᠯ ᠪᠥᠷᠢᠯᠳᠥᠭᠦᠯᠭᠦ᠃ | 14. ︽ᠲᠥᠷᠪᠡᠨ ᠤᠷᠤᠨ ᠲᠥᠷᠪᠡᠨ ᠭᠥᠢᠴᠡᠳᠭᠡᠯ︾ ᠵᠠᠰᠠᠭ ᠤᠨ ᠶᠠᠪᠤᠳᠠᠯ ᠤᠨ ᠤᠶᠤᠨᠴᠢ ᠥᠢᠯᠡᠴᠢᠯᠡᠭᠡ᠄ ᠮᠠᠨ ᠤ ᠬᠤᠰᠢᠭᠤ ︽ᠵᠠᠰᠠᠭ ᠢ ᠴᠤᠮᠬᠠᠳᠬᠠᠨ | ᠡᠷᠭᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠥᠢᠯᠡᠴᠢᠯᠡᠭᠡ ᠶᠢ ᠰᠢᠯᠢᠳᠡᠭᠵᠢᠭᠦᠯᠭᠦ︾ ᠥᠭᠡᠷᠡᠴᠢᠯᠡᠯᠳᠡ ᠶᠢ ᠭᠥᠨᠵᠡᠭᠡᠶᠢᠷᠡᠭᠦᠯᠵᠥ᠂ | ᠬᠤᠰᠢᠭᠤᠨ ᠤ ᠪᠠᠨ ᠪᠤᠳᠠᠳᠤ ᠪᠠᠶᠢᠳᠠᠯ ᠳᠤ ᠵᠤᠬᠢᠴᠠᠭᠤᠯᠤᠨ ᠵᠰᠠᠭ ᠤᠨ ᠤᠷᠳᠤᠨ ᠤ ᠥᠢᠯᠡᠴᠢᠯᠡᠭᠡ ᠶᠢᠨ ᠲᠥᠪᠰᠢᠨ ᠢ ᠲᠡᠭᠡᠭᠰᠢᠯᠡᠭᠦᠯᠭᠦ ᠰᠢᠨᠡᠴᠢᠯᠠᠯᠳᠠ ᠶᠢᠨ ᠵᠠᠭᠪᠤᠷ᠃ | ᠲᠠᠷᠤᠢ᠂ ᠮᠠᠯᠵᠢᠬᠤ ᠲᠠᠷᠢᠶᠠᠯᠠᠬᠤ ᠤᠷᠤᠨ ᠳᠤ ᠤᠴᠢᠷ ᠶᠠᠪᠤᠳᠠᠯ ᠪᠡᠶᠡᠯᠡᠭᠦᠯᠭᠦ ᠳᠤ ᠤᠶᠢᠷ᠎ᠠ ᠵᠠᠭᠤᠷ᠎ᠠ ᠳᠤ ᠭᠥᠢᠴᠡᠳᠭᠡᠭᠦ ᠪᠠ ᠰᠥᠯᠵᠢᠶᠡᠨ ᠲᠡᠭᠡᠷ᠎ᠡ ᠭᠥᠢᠴᠡᠳᠭᠡᠭᠦ︔ | ᠠᠭᠤᠷᠬᠠᠢ ᠶᠢᠨ ᠤᠷᠤᠨ ᠳᠤ ᠲᠠᠷᠤᠢ ᠳᠤ ᠨᠢ ᠭᠥᠢᠴᠡᠳᠭᠡᠭᠦ︔ ᠬᠤᠳᠠ ᠶᠢᠨ ᠲᠤᠭᠤᠷᠢᠭ ᠲᠤ ᠨᠢᠭᠡᠯᠡ ᠴᠤᠩᠬᠤᠪᠴᠢ ᠪᠠᠷ ᠭᠥᠢᠴᠡᠳᠭᠡᠭᠦ ᠶᠢ ᠵᠢᠭᠠᠵᠤ ᠪᠤᠢ᠃ | 15. ︽ᠴᠠᠬᠢᠷᠮ᠎ᠠ ᠴᠢᠳᠠᠪᠤᠷᠢᠳᠠᠨ︾ ᠤ ᠢᠨᠵᠧᠨᠧᠷᠢᠩ᠄ ᠮᠠᠨ ᠤ ᠬᠤᠰᠢᠭᠤ ᠴᠢᠳᠠᠪᠤᠷᠢᠳᠠᠨ ᠭᠥᠮᠥᠵᠢᠭᠦᠯᠭᠦ ᠪᠠ ᠤᠷᠢᠨ ᠠᠪᠴᠢᠷᠠᠬᠤ ᠶᠢᠨ ᠲᠥᠯᠥᠭᠡ | ᠲᠤᠷᠠᠳᠤᠨ ᠭᠠᠷᠠᠭᠠᠭᠰᠠᠨ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ᠃ ᠴᠢᠳᠠᠪᠤᠷᠢᠳᠠᠨ ᠭᠥᠮᠥᠵᠢᠭᠦᠯᠭᠦ ᠪᠠ ᠴᠢᠳᠠᠪᠤᠷᠢᠳᠠᠨ ᠤᠷᠢᠬᠤ ᠡᠯ᠎ᠡ ᠲᠥᠷᠥᠯ ᠤᠨ ᠠᠷᠭ᠎ᠠ | ᠠᠪᠴᠠᠯ ᠢᠶᠠᠷ ᠲᠠᠮᠵᠢᠭᠤᠯᠤᠨ᠂ ᠨᠠᠮ ᠵᠠᠰᠠᠭ ᠤᠨ ᠠᠵᠢᠯ᠂ ᠠᠵᠤ ᠠᠬᠤᠶᠢᠯᠠᠯ ᠤᠨ ᠡᠵᠡᠩᠨᠡᠯᠳᠡ ᠬᠠᠮᠢᠶᠠᠷᠤᠯᠳᠠ ᠶᠢᠨ ᠠᠵᠢᠯ᠂ ᠲᠤᠰᠬᠠᠢ ᠮᠡᠷᠭᠡᠵᠢᠯ ᠤᠨ ᠠᠵᠢᠯ | ᠲᠥᠷᠥᠯ᠂ ᠤᠨᠴᠠ ᠲᠥᠷᠥᠯ ᠤᠨ ᠴᠢᠳᠠᠪᠤᠷᠢᠳᠠᠨ ᠤ ᠠᠵᠢᠯ᠂ ᠮᠠᠯᠵᠢᠬᠤ ᠲᠠᠷᠢᠶᠠᠯᠠᠬᠤ ᠤᠷᠤᠨ ᠳᠤ ᠬᠢ ᠴᠢᠭᠯᠡᠯᠳᠡ ᠴᠢᠨᠠᠷ ᠲᠠᠢ ᠠᠵᠢᠯ ᠪᠤᠯᠤᠨ ᠨᠡᠶᠢᠭᠡᠮ ᠤᠨ ᠠᠵᠢᠯ | ᠵᠡᠷᠭᠡ ᠲᠠᠯ᠎ᠠ ᠪᠠᠷ ᠴᠢᠳᠠᠪᠤᠷᠢᠳᠠᠳ ᠢ ᠬᠤᠷᠠᠭᠤᠯᠬᠤ ᠬᠥᠮᠥᠵᠢᠭᠦᠯᠭᠦ ᠠᠵᠢᠯ᠃ | ᠲᠤᠳᠤᠷᠬᠠᠶᠢᠯᠠᠯ᠄ ᠨᠡᠷᠡᠰ ᠤᠨ ᠲᠠᠶᠢᠯᠪᠣᠷᠢᠯᠠᠯ ᠢ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ ᠢᠯᠡᠷᠡᠭᠰᠡᠨ ᠲᠠᠷᠠᠭᠠᠯᠠᠯ ᠢᠶᠠᠷ ᠨᠢ ᠵᠢᠭᠰᠠᠭᠠᠪᠠ᠃ | |