ᠬᠤᠰᠢᠭᠤ  ᠠᠷᠪᠠᠳᠣᠭᠠᠷ  ᠬᠤᠭᠤᠴᠠᠭᠠᠨ  ᠤ ᠠᠷᠠᠤᠨ ᠤᠨ ᠲᠦᠯᠤᠬᠡᠯᠡᠭᠴᠢᠤᠨ  ᠤᠨ ᠶᠡᠭᠡ  ᠬᠤᠷᠠᠯ  ᠤᠨ ᠬᠤᠶᠠᠳᠣᠭᠠᠷ  ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠨᠢᠬᠡ︶
ᠨᠡᠶᠢᠲᠡᠯᠡᠭᠰᠡᠨ ᠴᠠᠭ᠄
2018/6/15
       ᠤᠳᠤᠭ ᠤᠨ ᠡᠮᠤᠨᠡᠳᠤ ᠬᠤᠰᠢᠭᠤᠨ ᠤ 2017 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ  ᠶᠢᠨ  ᠲᠦᠯᠤᠪᠯᠡᠭᠡ   ᠶᠢ  ᠬᠡᠷᠡᠭᠵᠢᠬᠦᠯᠦᠭᠰᠡᠨ  ᠪᠠᠶᠢᠳᠠᠯ  ᠬᠢᠬᠡᠤᠨ  2018  ᠤᠯᠤᠰ ᠠᠷᠠᠤᠨ ᠤᠨ ᠠᠵᠤ  ᠠᠬᠤᠢ  ᠪᠤᠯᠤᠨ  ᠨᠠᠶᠢᠬᠡᠮ ᠤᠨ  ᠬᠦᠭᠵᠢᠯᠳᠠ  ᠶᠢᠨ  ᠲᠦᠯᠤᠪᠯᠡᠭᠡ  ᠶᠢᠨ  ᠲᠦᠰᠤᠯ  ᠤᠨ  ᠮᠡᠳᠡᠬᠦᠯᠤᠯᠳᠠ         — 2018 ᠤᠨ ᠤ  3 ᠰᠠᠷ᠎ᠠ   ᠶᠢᠨ 20 ᠤ ᠡᠳᠤᠷ ᠤᠳᠤᠭ ᠤᠨ  ᠡᠮᠤᠨᠡᠳᠤ ᠬᠤᠰᠢᠭᠤᠨ ᠤ ᠠᠷᠪᠠᠳᠦᠭᠠᠷ  ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ  ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ  ᠳᠡᠬᠡᠷ᠎ᠠ  ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ        ᠲᠦᠯᠤᠬᠡᠯᠡᠭᠴᠢᠤᠨ ᠡ  ᠄        ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ 2017 ᠤᠨ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2018 ᠣᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠬᠤᠰᠢᠭᠤᠨ ᠤ ᠤᠯᠤᠰ ᠲᠦᠷᠤ  ᠶᠢᠨ ᠵᠦᠪᠯᠡᠯᠬᠡᠨ  ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃        ᠨᠢᠬᠡ᠂ 2017 ᠤᠨ  ᠤ ᠤᠯᠤᠰ ᠠᠷᠠᠤᠨ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ        2017 ᠣᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠷᠴᠢᠳᠦ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ᠂ ᠪᠦᠬᠦ ᠬᠤᠰᠢᠭᠤ ᠪᠠᠷ ᠢᠶᠠᠨ ᠲᠦᠪ᠂ ᠣᠷᠣᠨ᠂ ᠬᠤᠳᠠ ᠶᠢᠨ ᠡᠯ᠎ᠡ ᠰᠢᠢᠳᠪᠥᠷᠢ ᠪᠠᠶᠢᠷᠢᠰᠢᠭᠤᠯᠤᠯᠳᠠ ᠶᠢ ᠭᠥᠨᠵᠡᠭᠡᠢ ᠨᠠᠶᠢᠳᠠᠪᠦᠷᠢᠵᠢᠭᠤᠯᠣᠨ᠂ ᠲᠣᠭᠳᠠᠭᠤᠨ ᠢᠶᠠᠷ ᠣᠷᠣᠭᠰᠢᠯᠠᠬᠤ ᠠᠵᠢᠯ ᠤᠨ ᠠᠯᠬᠤᠮ ᠢ ᠪᠠᠷᠢᠮᠳᠠᠯᠠᠵᠣ᠂ ᠰᠢᠨ᠎ᠡ ᠬᠦᠭᠵᠢᠯᠳᠡ ᠶᠢ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠬᠡᠯᠪᠡᠷᠢ ᠪᠣᠯᠭᠠᠵᠣ᠂ ᠲᠣᠭᠳᠠᠭᠤᠨ ᠨᠡᠮᠡᠭᠳᠡᠯ᠂ ᠲᠦᠷᠦᠯ ᠵᠣᠶᠢᠯ᠂ ᠪᠦᠳᠦᠴᠡ  ᠶᠢᠨ ᠲᠣᠬᠢᠷᠠᠭᠤᠯᠣᠯᠳᠠ᠂ ᠦᠭᠡᠷᠡᠴᠢᠯᠡᠯᠳᠡ ᠨᠡᠭᠡᠭᠡᠯᠳᠡ᠂ ᠠᠷᠠᠳ ᠤᠨ ᠠᠮᠢᠳᠣᠷᠠᠯ ᠤᠨ ᠬᠠᠷᠠᠭᠠᠯᠵᠠᠯ᠂ ᠲᠣᠭᠳᠠᠭᠤᠨ ᠢ ᠪᠠᠳᠣᠯᠠᠬᠤ ᠳᠤ ᠬᠦᠴᠤᠯᠡᠵᠤ᠂ ᠬᠦᠭᠵᠢᠯᠳᠡ  ᠶᠢᠨ ᠶᠠᠰᠣ ᠴᠢᠨᠠᠷ ᠪᠣᠯᠣᠨ ᠦᠷ᠎ᠡ ᠠᠰᠢᠭ ᠢ  ᠲᠡᠭᠡᠭᠰᠢᠯᠡᠭᠦᠯᠵᠣ᠂ ᠠᠵᠣ ᠠᠬᠤᠢ ᠨᠡᠶᠢᠭᠡᠮ ᠤᠨ ᠡᠷᠡᠭᠦᠯ ᠬᠦᠭᠵᠢᠯᠳᠡ ᠶᠢ ᠪᠠᠳᠣᠯᠠᠵᠣ᠂ ᠬᠤᠰᠢᠭᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠦᠭᠠᠷ ᠬᠤᠷᠠᠯᠳᠣᠭᠠᠨ ᠠᠴᠠ ᠲᠣᠭᠳᠠᠭᠠᠭᠰᠠᠨ ᠡᠯ᠎ᠡ ᠬᠠᠷᠠᠯᠳᠠ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠪᠡ᠃        ︵ᠨᠢᠭᠡ︶ ᠦᠷ᠎ᠡ ᠠᠰᠢᠭᠳᠦ ᠪᠡᠯᠡ ᠣᠷᠣᠭᠤᠯᠣᠯᠳᠠ ᠶᠢ ᠢᠳᠡᠪᠬᠢᠳᠡᠢ ᠠᠬᠢᠭᠤᠯᠣᠨ᠂ ᠠᠵᠣ ᠠᠬᠤᠢ ᠶᠢᠨ ᠡᠷᠬᠢᠯᠳᠡ ᠶᠢᠨ ᠶᠡᠷᠦᠩᠭᠡᠢ ᠴᠣᠭᠴᠠ ᠶᠢ ᠲᠣᠭᠳᠠᠪᠦᠷᠢᠵᠢᠭᠤᠯᠪᠠ᠃ ᠠᠵᠣ ᠠᠬᠤᠢ ᠶᠢᠨ ᠡᠷᠬᠢᠯᠳᠡ ᠶᠢᠨ ᠲᠣᠬᠢᠷᠠᠭᠤᠯᠣᠯᠳᠠ ᠵᠠᠳᠠᠯᠣᠯᠳᠠ ᠪᠠᠨ ᠴᠢᠩᠭᠠᠳᠬᠠᠨ᠂ ᠠᠵᠣ ᠠᠬᠤᠢ ᠶᠢᠨ ᠲᠣᠭᠳᠠᠭᠤᠨ ᠨᠡᠮᠡᠭᠳᠡᠯ ᠳᠤ ᠰᠢᠰᠲ᠋ᠧᠮ ᠲᠠᠢ ᠪᠣᠳᠣᠯᠭ᠎ᠠ ᠠᠷᠭ᠎ᠠ ᠬᠡᠮᠵᠢᠶ᠎ᠡ ᠠᠪᠤᠪᠠ᠃ ᠲᠦᠷᠦᠯ ᠵᠣᠶᠢᠯ ᠤᠨ ᠪᠠᠶᠢᠭᠤᠯᠣᠯᠳᠠ ᠪᠠᠷ ᠪᠡᠯᠡ ᠣᠷᠣᠭᠤᠯᠣᠯᠳᠠ ᠶᠢ ᠲᠠᠶᠢᠴᠢᠯᠠᠵᠤ᠂ ᠪᠡᠯᠡ ᠣᠷᠣᠭᠤᠯᠣᠯᠳᠠ ᠶᠢᠨ ᠲᠣᠭᠳᠠᠭᠤᠨ ᠨᠡᠮᠡᠭᠳᠡᠯ᠂ ᠲᠦᠷᠦᠯ ᠵᠣᠶᠢᠯ ᠤᠨ ᠰᠢᠪᠳᠤᠯᠤᠯᠳᠠ ᠶᠢ ᠲᠦᠪᠯᠡᠷᠡᠭᠦᠯᠦᠨ ᠠᠳᠬᠤᠵᠣ᠂ ᠪᠦᠬᠦ ᠵᠢᠯ ᠳᠤ 100 ᠲᠦᠷᠦᠯ ᠵᠣᠶᠢᠯ ᠢ ᠬᠡᠷᠡᠭᠵᠢᠭᠦᠯᠵᠣ᠂ ᠶᠡᠷᠦᠩᠬᠡᠢ ᠪᠡᠯᠡ ᠣᠷᠣᠭᠤᠯᠣᠯᠳᠠ 550.79 ᠳ᠋ᠦᠩᠰᠢᠭᠤᠷ ᠲᠦᠬᠦᠷᠢᠭ᠂ 2017 ᠣᠨ ᠳᠤ 181.04 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠭᠦᠯᠪᠡ᠃ ᠡᠭᠦᠨ ᠳᠤ᠂ ᠬᠤᠳᠠ ᠶᠢᠨ ᠲᠡᠰ ᠤᠨ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠴᠢᠬᠤᠯᠠ ᠲᠦᠷᠦᠯ ᠵᠣᠶᠢᠯ 17᠂ ᠠᠵᠢᠯ ᠰᠡᠷᠭᠦᠭᠡᠯᠳᠡ ᠶᠢᠨ ᠨᠣᠷᠮ᠎ᠠ 100 %   ᠳᠤ ᠬᠦᠷᠴᠦ᠂ ᠪᠡᠯᠡ ᠣᠷᠣᠭᠤᠯᠣᠯᠳᠠ 162.15 ᠳ᠋ᠦᠩᠰᠢᠭᠤᠷ ᠲᠦᠬᠦᠷᠢᠭ ᠢ ᠪᠡᠶᠡᠯᠡᠭᠦᠯᠪᠡ᠃ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 5.8% ᠨᠡᠮᠡᠭᠳᠡᠵᠣ᠂ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 8.9% ᠨᠡᠮᠡᠭᠳᠡᠵᠣ᠂ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ 7% ᠨᠡᠮᠡᠭᠳᠡᠪᠠ︔ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 8.01 ᠳ᠋ᠦᠩᠰᠢᠭᠤᠷ ᠲᠦᠬᠦᠷᠢᠭ᠂ ᠪᠦᠬᠦ ᠬᠤᠳᠠ ᠶᠢᠨ ᠨᠢᠭᠡᠳᠥᠯᠳᠡᠢ ᠪᠠᠷᠢᠮᠵᠢᠶ᠎ᠠ ᠪᠠᠷ 4.71% ᠨᠡᠮᠡᠭᠳᠡᠪᠡ︔ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ 41537 ᠲᠦᠬᠦᠷᠢᠭ ᠪᠠ 16929 ᠲᠦᠬᠦᠷᠢᠭ ᠲᠤ ᠬᠦᠷᠴᠤ᠂ 8.4% ᠪᠠ 8.5% ᠨᠡᠮᠡᠭᠳᠡᠪᠠ᠃ ᠭᠤᠣᠯ ᠵᠢᠭᠠᠯᠲᠠ ᠶᠢᠨ ᠲᠦᠰᠦᠪ ᠲᠤ ᠨᠡᠶᠢᠴᠡᠭᠰᠡᠨ ᠨᠡᠮᠡᠭᠳᠡᠯ ᠬᠤᠷᠳᠣᠴᠠ ᠪᠦᠬᠦ ᠬᠤᠲᠠ ᠶᠢᠨ ᠲᠡᠷᠢᠬᠦᠨ ᠤ ᠡᠩᠨᠡᠬᠡᠨ ᠳᠤ ᠣᠷᠣᠪᠠ᠃        ︵ᠬᠤᠶᠠᠷ︶ ᠬᠥᠭᠵᠢᠯᠳᠡ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠲᠥᠷᠭᠡᠳᠭᠡᠨ᠂ ᠠᠵᠤ ᠤᠶᠢᠯᠡᠰ ᠤᠨ ᠬᠡᠯᠪᠠᠷᠢ ᠶᠢ ᠬᠤᠪᠢᠷᠠᠭᠤᠯᠣᠨ ᠳᠡᠰ ᠲᠠᠪᠰᠢᠭᠤᠯᠬᠤ ᠬᠤᠷᠳᠤᠴᠠ ᠶᠢ ᠠᠬᠢᠭᠤᠯᠪᠠ᠃ ᠲᠣᠭᠳᠠᠭᠤᠨ ᠨᠡᠮᠡᠭᠳᠡᠯ᠂ ᠪᠦᠳᠦᠴᠡ ᠶᠢᠨ ᠲᠣᠬᠢᠷᠠᠭᠤᠯᠣᠯᠳᠠ ᠶᠢ ᠣᠷᠭᠠᠨᠢᠭ ᠢᠶᠠᠷ ᠣᠶᠠᠯᠳᠣᠭᠤᠯᠣᠨ᠂ ᠠᠵᠣ ᠠᠬᠤᠢ  ᠶᠢᠨ ᠪᠦᠳᠦᠴᠠ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠲᠣᠬᠢᠷᠠᠭᠤᠯᠣᠯᠳᠠ ᠶᠢ ᠲᠦᠷᠭᠡᠳᠬᠡᠵᠣ᠂ ᠠᠵᠣ ᠣᠶᠢᠯᠠᠳᠪᠦᠷᠢᠯᠡᠯ ᠢ ᠬᠦᠴᠦᠷᠭᠡᠭᠵᠢᠭᠦᠯᠬᠦ᠂ ᠮᠠᠯ ᠲᠠᠷᠢᠶᠠᠯᠠᠩ ᠤᠨ ᠣᠶᠢᠯᠠᠰ ᠢ ᠪᠣᠵᠠᠭᠠᠶᠢᠷᠠᠭᠤᠯᠬᠤ᠂ ᠣᠶᠢᠯᠡᠴᠢᠯᠡᠭᠡᠨ ᠤ ᠣᠶᠢᠯᠠᠰ ᠢ ᠰᠢᠯᠢᠳᠡᠭᠵᠢᠭᠦᠯᠬᠦ ᠶᠢ ᠬᠦᠴᠤᠳᠠᠢ ᠠᠬᠢᠭᠤᠯᠪᠠ᠃ ᠠᠵᠣ ᠣᠶᠢᠯᠠᠳᠪᠦᠷᠢ ᠶᠢᠨ ᠠᠵᠣ ᠠᠬᠤᠢ ᠲᠣᠭᠳᠠᠭᠤᠨ ᠢᠶᠠᠷ ᠠᠬᠢᠪᠠ᠃ ᠬᠡᠪᠴᠢᠶᠡᠵᠢᠯ ᠠᠴᠠ ᠲᠡᠭᠡᠭᠰᠢᠬᠢ ᠠᠵᠣ ᠣᠶᠢᠯᠠᠳᠪᠦᠷᠢ ᠠᠳᠠᠯᠢ ᠬᠤᠭᠤᠴᠠᠭᠠᠨ ᠤ ᠬᠢ ᠠᠴᠠ 9.5% ᠨᠡᠮᠡᠭᠳᠡᠪᠡ᠃ ᠨᠡᠭᠦᠷᠡᠰᠣᠨ ᠭᠠᠷᠤᠯᠳᠠ 642.7 ᠲᠦᠮᠡᠨ ᠲᠣᠨ ᠳᠤ ᠬᠦᠷᠴᠦ᠂ 114.1 ᠲᠦᠮᠡᠨ ᠲᠣᠨ ᠬᠡᠣᠷᠰᠢᠭᠦᠯᠵᠣ᠂ ᠲᠣᠰᠪᠦᠷᠢ 66.4% ᠪᠠ 169.7% ᠨᠡᠮᠡᠭᠳᠡᠪᠡ︔ ᠰᠢᠳᠠᠮᠠᠬᠠᠢ ᠬᠡᠢ ᠶᠢᠨ ᠭᠠᠷᠣᠯᠳᠠ 45.54 ᠳ᠋ᠦᠩᠰᠢᠭᠤᠷ ᠺᠦᠪ ᠮᠧᠲᠷ ᠬᠦᠷᠴᠦ᠂ 16.4% ᠨᠡᠮᠡᠭᠳᠡᠪᠡ︔ ᠠᠵᠣ ᠣᠶᠢᠯᠠᠳᠪᠦᠷᠢ ᠳᠤ 6.3 ᠳ᠋ᠦᠩᠰᠢᠭᠤᠷ ᠭᠷᠡᠳᠦ᠋ᠰ ᠴᠠᠬᠢᠯᠭᠠᠨ ᠬᠡᠷᠡᠭᠯᠡᠨ᠂ 20% ᠨᠡᠮᠡᠭᠳᠡᠪᠡ᠃ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠪᠣᠷᠣᠯᠠᠭᠤᠯᠭ᠎ᠠ ᠶᠢᠨ ᠣᠷᠣᠯᠭ᠎ᠠ ᠶᠢ 160 ᠳ᠋ᠦᠩᠰᠢᠭᠤᠷ ᠲᠦᠬᠦᠷᠢᠭ ᠪᠡᠶᠡᠯᠡᠬᠦᠯᠵᠤ᠂ 6% ᠨᠡᠮᠡᠭᠳᠡᠪᠠ᠃ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ ᠬᠦᠷᠬᠡᠯᠳᠠ ᠶᠢᠨ ᠱᠤᠭᠤᠮ ᠦᠨᠳᠦᠰᠦᠨ ᠳᠤ ᠪᠠᠨ ᠪᠠᠷᠢᠯᠭ᠎ᠠ ᠲᠠᠭᠤᠰᠴᠦ᠂ 4 ᠲᠦᠬᠦᠷ ᠴᠠᠬᠢᠯᠭᠠᠨ ᠣᠶᠢᠯᠠᠳᠪᠦᠷᠢ ᠶᠢᠨ ᠲᠦᠷᠦᠯ ᠵᠣᠶᠢᠯ ᠤᠨ 3 ᠨᠢ ᠨᠢᠭᠡᠨᠳᠡ ᠴᠣᠬᠤᠯᠠᠪᠦᠷᠢᠯᠠᠭᠳᠠᠵᠣ᠂ 2 ᠨᠢ ᠪᠠᠷᠢᠯᠭ᠎ᠠ ᠡᠬᠢᠯᠡᠪᠡ᠂ 9 ᠲᠦᠬᠦᠷ ᠨᠡᠭᠦᠷᠡᠰᠣᠨ ᠠᠭᠤᠷᠬᠠᠢ ᠶᠢᠨ 6 ᠶᠢ ᠨᠢ ᠪᠠᠶᠢᠭᠤᠯᠵᠣ᠂ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠣᠶᠢᠯ ᠨᠢᠭᠡᠨᠳᠡ ᠬᠢᠨᠠᠨ ᠵᠦᠪᠰᠢᠶᠡᠷᠡᠭᠳᠡᠬᠦ ᠨᠦᠭᠦᠴᠡᠯ ᠪᠦᠷᠢᠳᠴᠦ᠂ LNG ᠲᠦᠷᠦᠯ ᠵᠣᠶᠢᠯ ᠤᠨ ᠶᠡᠷᠦᠩᠬᠡᠢ ᠲᠦᠯᠦᠪᠵᠢᠭᠦᠯᠭᠡ 120 ᠲᠦᠮᠡᠨ ᠲᠣᠨ ᠳᠤ ᠬᠦᠷᠴᠦ᠂ ᠨᠡᠭᠦᠷᠡᠰᠣᠨ ᠰᠣᠷᠪᠣᠯᠵᠢ ᠪᠠᠷ ᠰᠠᠭᠤᠷᠢᠯᠠᠭᠤᠯᠣᠨ ᠣᠯᠠᠨ ᠡᠰᠢᠭᠦᠯᠵᠣ ᠬᠤᠪᠢᠷᠠᠭᠤᠯᠬᠤ ᠬᠡᠯᠬᠢᠶᠡᠵᠢᠯ ᠣᠷᠳᠣᠣᠰᠬᠠᠯ ᠴᠢᠳᠠᠮᠵᠢ ᠪᠦᠬᠦᠢ ᠬᠦᠭᠵᠢᠯᠳᠡ ᠶᠢᠨ ᠲᠣᠭᠳᠠᠴᠠ ᠶᠢ ᠪᠦᠷᠢᠯᠳᠦᠭᠦᠯᠪᠡ᠃ ᠣᠳᠣ ᠦᠶ᠎ᠡ ᠶᠢᠨ ᠮᠠᠯ ᠲᠠᠷᠢᠶᠠᠯᠠᠩ ᠤᠨ ᠲᠣᠭᠳᠠᠭᠤᠨ ᠢ ᠪᠠᠳᠣᠯᠠᠪᠠ᠃ ︽ᠲᠡᠰ ᠴᠢᠨᠠᠷᠳᠦ ᠮᠡᠯ ᠲᠠᠷᠢᠶᠠᠯᠠᠩ᠂ ᠬᠡᠪ ᠴᠢᠨᠰᠠᠭᠠᠳᠦ ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠳᠠᠢ ᠮᠠᠯᠴᠢᠨ ᠲᠠᠷᠢᠶᠠᠴᠢᠨ︾ ᠤ ᠰᠢᠨ᠎ᠡ ᠶᠢ ᠡᠭᠦᠳᠬᠦ ᠪᠣᠯᠪᠠᠰᠣᠷᠠᠯ ᠬᠦᠮᠦᠵᠢᠯ ᠤᠨ ᠠᠵᠢᠯᠯᠠᠭ᠎ᠠ ᠦᠷᠨᠢᠭᠦᠯᠪᠡ᠃ ᠦᠵᠡᠰᠬᠦᠯᠡᠩᠳᠤ ᠬᠦᠳᠡᠭᠡ ᠨᠤᠳᠤᠭ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠤᠪᠯᠡᠭᠡ ᠶᠢ ᠬᠦᠨᠵᠡᠬᠡᠢ ᠦᠷᠨᠢᠭᠦᠯᠦᠨ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠬᠡᠪᠴᠢᠶᠡᠨ ᠤ ᠶᠡᠷᠦᠩᠬᠡᠢ ᠲᠦᠯᠦᠪᠵᠢᠭᠦᠯᠭᠡ ᠪᠣᠯᠣᠨ ᠦᠵᠡᠰᠭᠦᠯᠡᠩᠳᠦ ᠰᠠᠶᠢᠬᠠᠨ ᠬᠦᠳᠡᠭᠡ ᠨᠣᠳᠤᠭ ᠤᠨ ᠪᠠᠶᠢᠭᠤᠯᠣᠯᠳᠠ ᠶᠢᠨ ᠲᠦᠯᠦᠪᠵᠢᠭᠦᠯᠭᠡ ᠢ ᠲᠣᠭᠳᠠᠭᠠᠵᠣ᠂  ᠶᠡᠭᠡ ᠳᠤᠬᠤᠢ ᠵᠡᠷᠬᠡ 10 ᠭᠠᠴᠠᠭ᠎ᠠ ᠳᠤᠰᠬᠤᠨ ᠤ ᠰᠤᠳᠤᠨ ᠵᠢᠭᠤᠯᠴᠢᠯᠠᠯ ᠤᠨ ᠳᠠᠭᠤᠷᠢᠶᠠᠯ ᠭᠠᠴᠠᠭ᠎ᠠ ᠲᠣᠰᠬᠤᠨ ᠪᠠ 100 ᠠᠶᠢᠯ ᠡᠷᠤᠬᠡ ᠶᠢᠨ ᠰᠤᠳᠤᠨ ᠵᠢᠭᠤᠯᠴᠢᠯᠠᠯ ᠤᠨ ᠴᠡᠭ ᠢ ᠡᠬᠢᠯᠡᠨ ᠪᠠᠶᠢᠭᠤᠯᠪᠠ᠃   ︽ᠵᠢᠷᠭᠤᠭᠠᠵᠢᠭᠰᠠᠨ ᠬᠤᠯᠪᠣᠭᠠᠯᠠᠯ︾ ᠢ ᠪᠠᠷᠢᠮᠳᠠᠯᠠᠨ᠂ ᠶᠢᠨ ᠸᠧᠢ ᠹᠦ᠋ ᠷᠧᠨ᠂ ᠢᠥᠢ ᠯᠢᠶᠠᠩ ᠮᠠᠯ ᠠᠵᠤ ᠠᠬᠤᠢ ᠶᠢᠨ ᠤᠶᠢᠯᠡᠰ ᠵᠡᠷᠭᠡ ᠲᠣᠯᠣᠭᠠᠶᠢᠯᠠᠭᠴᠢ ᠵᠢᠱᠢᠶᠡᠴᠢ ᠠᠵᠣ ᠠᠬᠤᠶᠢᠯᠠᠯ ᠢ ᠪᠣᠶᠢᠵᠢᠭᠤᠯᠵᠣ᠂ 140 ᠲᠡᠵᠢᠭᠡᠨ ᠦᠷᠡᠵᠢᠭᠦᠯᠭᠡ ᠶᠢᠨ ᠡᠷᠦᠬᠡ᠂ ᠠᠮᠢ ᠠᠬᠤᠶᠢᠴᠢ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠤᠶᠢᠵᠢᠭᠤᠯᠤᠨ᠂ ᠦᠨᠳᠦᠷ ᠠᠰᠢᠭᠳᠦ ᠠᠷᠪᠢᠳᠠᠢ ᠣᠰᠣᠯᠠᠯᠳᠠ ᠶᠢᠨ ᠣᠳᠣ ᠦᠶ᠎ᠡ ᠶᠢᠨ ᠲᠠᠷᠢᠶᠠᠯᠠᠩ ᠤᠨ ᠣᠶᠢᠯᠠᠰ ᠤᠨ ᠰᠠᠭᠤᠷᠢᠨ ᠭᠠᠵᠠᠷ 73.8 ᠲᠦᠮᠡᠨ ᠮᠣ᠋ ᠬᠦᠷᠴᠦ᠂ ᠲᠣᠰᠬᠠᠢ ᠬᠤᠷᠰᠢᠶᠠᠵᠢᠯ ᠤᠨ ᠨᠡᠶᠢᠭᠡᠮᠯᠢᠭ 30 ᠨᠡᠮᠡᠭᠳᠡᠨ᠂ 7093 ᠡᠷᠥᠭᠡ ᠶᠢ ᠲᠠᠶᠢᠴᠢᠯᠠᠨ ᠲᠠᠭᠠᠭᠤᠯᠪᠠ᠃ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠥ ᠪᠣᠷᠳᠣᠭᠠᠨ ᠤ ᠬᠠᠷᠢᠴᠠᠯ ᠢ 54᠄ 18᠄ 28 ᠪᠠᠷ ᠰᠢᠯᠢᠳᠡᠭᠵᠢᠭᠦᠯᠵᠣ᠂ ᠵᠢᠯ ᠤᠨ ᠪᠤᠷᠤᠯᠠᠭᠤᠯᠭ᠎ᠠ ᠶᠢᠨ ᠳᠤᠭ᠎ᠠ ᠳᠤᠯᠤᠭᠠᠢ ᠶᠢ 143 ᠲᠦᠮᠡ ᠳᠠᠪᠠᠭᠤᠯᠵᠤ᠂ ᠮᠠᠯ ᠲᠠᠷᠢᠶᠠᠯᠠᠩ ᠤᠨ  ᠮᠠᠰᠢᠨᠴᠢᠯᠠᠭᠰᠡᠨ ᠶᠡᠷᠦᠩᠬᠡᠢ ᠠᠵᠢᠯᠯᠠᠮᠵᠢ 85%᠂ ᠰᠢᠨᠵᠢᠯᠡᠭᠡ ᠮᠡᠷᠭᠡᠵᠢᠯ ᠤᠨ ᠮᠠᠯ ᠲᠠᠷᠢᠶᠠᠯᠠᠩ ᠳᠤ ᠦᠵᠡᠭᠦᠯᠦᠭᠰᠡᠨ ᠬᠤᠪᠢ ᠨᠡᠮᠡᠷᠢ 70% ᠬᠦᠷᠴᠦ᠂ ᠮᠠᠯ ᠲᠠᠷᠢᠶᠠᠯᠠᠩ ᠤᠨ ᠰᠠᠭᠤᠷᠢ ᠶᠢ ᠨᠡᠩ ᠪᠠᠬᠢᠵᠢᠭᠦᠯᠪᠡ᠃ ᠣᠳᠣ ᠦᠶ᠎ᠡ ᠶᠢᠨ ᠣᠶᠢᠯᠡᠴᠢᠯᠡᠭᠡᠨ ᠤ ᠣᠶᠢᠯᠠᠰ ᠲᠣᠭᠳᠠᠭᠤᠨ ᠢᠶᠠᠷ ᠲᠡᠭᠡᠭᠰᠢᠯᠡᠪᠡ᠃ ᠣᠳᠣ ᠦᠶ᠎ᠡ ᠶᠢᠨ ᠣᠶᠢᠯᠡᠴᠢᠯᠡᠭᠡᠨ ᠤ ᠣᠶᠢᠯᠠᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠨᠠᠶᠢᠷᠠᠭᠤᠯᠣᠨ ᠲᠣᠭᠳᠠᠭᠠᠪᠠ᠃ ᠦᠨᠳᠦᠷ ᠬᠡᠪ ᠴᠢᠨᠰᠠᠭᠠᠳᠤ᠂ ᠦᠨᠳᠦᠷ ᠪᠠᠷᠢᠮᠵᠢᠶᠠᠳᠦ ︽1  + 6︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠢ ᠪᠠᠶᠢᠭᠤᠯᠵᠣ᠂ ᠪᠣᠷᠣᠪᠠᠯᠭᠠᠰᠦ ᠶᠢᠨ ᠦᠨᠳᠦᠰᠦᠳᠡᠨ ᠤ ᠺᠠᠳ᠋ᠷᠴᠣᠳ ᠤᠨ ᠲᠡᠭᠡᠳᠦ ᠰᠣᠷᠭᠠᠭᠤᠯᠢ ᠶᠢ ᠭᠤᠶᠣᠪᠴᠢᠯᠠᠨ ᠪᠠᠶᠢᠭᠤᠯᠵᠣ᠂ ᠣᠷᠣᠨ ᠤ ᠲᠣᠳᠣᠨ᠎ᠠ ᠭᠠᠳᠠᠨᠠᠬᠢ ᠵᠢᠭᠤᠯᠴᠢᠯᠠᠭᠴᠢᠳ ᠪᠣᠯᠣᠨ ᠰᠤᠷᠤᠯᠴᠠᠭᠴᠢ ᠶᠢ 12 ᠲᠦᠮᠡᠨ ᠬᠦᠮᠦᠨ ᠣᠳᠠᠭ᠎ᠠ ᠬᠦᠯᠢᠶᠡᠨ ᠠᠪᠴᠦ᠂ ᠣᠷᠣᠨ ᠬᠡᠪᠴᠢᠶᠡᠨ ᠤ ᠨᠦᠯᠦᠭᠡᠯᠡᠯ ᠪᠠ ᠨᠡᠷ᠎ᠡ ᠠᠯᠳᠠᠷᠰᠢᠯ ᠢ ᠣᠯᠠᠮ ᠲᠡᠭᠡᠭᠰᠢᠯᠡᠭᠦᠯᠪᠡ᠃ ᠪᠦᠬᠦ ᠴᠠᠷᠠᠭᠠᠨ ᠤ ᠵᠢᠭᠤᠯᠴᠢᠯᠠᠯ ᠤᠨ ᠬᠦᠭᠵᠢᠯᠳᠡ ᠶᠢᠨ ᠲᠣᠭᠳᠠᠴᠠ ᠶᠢ ᠬᠦᠴᠦᠯᠠᠨ ᠪᠦᠷᠢᠯᠳᠦᠭᠦᠯᠵᠣ᠂ ᠭᠤᠯᠣᠮᠲᠠ ᠭᠠᠯ ᠰᠣᠶᠣᠯ ᠤᠨ ᠨᠠᠶᠢᠷ᠂ ᠴᠠᠬᠢᠷᠮ᠎ᠠ ᠴᠡᠴᠡᠭ  ᠤᠨ ᠨᠠᠶᠢᠷ ᠵᠡᠷᠬᠡ ᠲᠣᠮᠣ ᠬᠡᠯᠪᠡᠷᠢ ᠶᠢᠨ ᠪᠠᠶᠠᠷ ᠨᠠᠶᠢᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ᠂ ᠭᠠᠵᠠᠷ ᠣᠷᠣᠨ ᠤ ᠠᠯᠳᠠᠷᠰᠢᠯ ᠪᠣᠯᠣᠨ ᠨᠦᠯᠦᠬᠡᠯᠡᠬᠦ ᠬᠦᠴᠦᠨ ᠢᠯᠡᠳᠲᠡ ᠲᠡᠭᠡᠭᠰᠢᠯᠡᠪᠡ᠃ ᠵᠢᠭᠤᠯᠴᠢᠯᠠᠯ ᠤᠨ ᠶᠡᠷᠣᠩᠬᠡᠢ ᠣᠷᠣᠯᠭ᠎ᠠ 30.5 ᠳ᠋ᠦᠩᠰᠢᠭᠤᠷ ᠲᠦᠬᠦᠷᠢᠭ ᠬᠦᠷᠴᠣ᠂ 26.5% ᠨᠡᠮᠡᠭᠳᠡᠪᠡ᠃ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠬᠦᠨᠵᠡᠭᠡᠢ ᠬᠡᠷᠡᠭᠵᠢᠬᠦᠯᠵᠣ᠂ ᠲᠣᠮᠳᠠᠳᠣ ᠣᠯᠣᠰ ᠤᠨ ᠸᠠᠩ ᠺᠦ᠋᠂ ᠯᠧ ᠼᠦᠨ ᠲᠣᠣ ᠵᠡᠷᠬᠡ ᠪᠦᠬᠦ ᠣᠯᠣᠰ ᠤᠨ ᠨᠡᠷᠡᠲᠣ ᠰᠦᠯᠵᠢᠶᠡᠨ ᠬᠤᠳᠠᠯᠳᠣᠭᠠᠨ ᠤ ᠲᠠᠪᠴᠠᠩ ᠢ ᠣᠷᠣᠭᠤᠯᠵᠣ᠂ ︽ᠲᠣᠮᠳᠠᠳᠣ ᠣᠯᠣᠰ ᠤᠨ ᠮᠠᠯ ᠤᠨ ᠮᠢᠬᠠᠨ ᠤ ᠠᠵᠣ ᠦᠢᠯᠡᠰ ᠤᠨ ᠰᠦᠯᠵᠢᠶᠡᠨ ᠬᠤᠳᠠᠯᠳᠣᠭᠠᠨ ᠤ ᠲᠦᠷᠦᠯ ᠵᠦᠢᠯ︾ ᠢ ᠪᠠᠶᠢᠭᠤᠯᠵᠣ᠂ 17 ᠰᠦᠯᠵᠢᠶᠡᠨ ᠬᠤᠳᠠᠯᠳᠣᠭᠠᠨ ᠤ ᠲᠠᠪᠴᠠᠩ ᠤᠨ ᠪᠣᠷᠣᠯᠠᠭᠤᠯᠣᠯᠳᠠ 2.2 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃ ᠪᠦᠬᠦ ᠬᠤᠰᠢᠭᠤᠨ ᠤ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ ᠶᠢᠨ ᠦᠯᠡᠳᠡᠪᠦᠷᠢ 46 ᠳ᠋ᠦᠩᠰᠢᠭᠤᠷ ᠲᠦᠬᠦᠷᠢᠭ ᠬᠦᠷᠴᠦ᠂ 16.27% ᠨᠡᠮᠡᠭᠳᠡᠪᠡ︔ ᠡᠯ᠎ᠡ ᠲᠦᠷᠦᠯ ᠤᠨ ᠵᠢᠭᠡᠯᠡᠯᠭᠡ 31.64 ᠳ᠋ᠦᠩᠰᠢᠭᠤᠷ ᠲᠦᠬᠦᠷᠢᠭ ᠬᠦᠷᠴᠦ᠂ 5.71% ᠨᠡᠮᠡᠭᠳᠡᠪᠡ᠃ ᠠᠵᠠᠳᠠᠢ ᠡᠷᠡᠭᠦᠯᠵᠢᠯ ᠰᠣᠪᠢᠯᠠᠯ ᠤᠨ ᠬᠦᠷᠢᠶᠠᠯᠠᠩ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠡᠮᠴᠢᠯᠡᠭᠡ ᠰᠣᠪᠢᠯᠠᠯ ᠢ ᠣᠶᠠᠯᠳᠣᠭᠤᠯᠣᠭᠰᠠᠨ ᠲᠠᠭᠤᠷᠢᠶᠠᠯ ᠲᠣᠷᠰᠢᠯᠳᠠ ᠶᠢᠨ ᠴᠡᠭ ᠢᠶᠠᠷ ᠦᠨᠡᠯᠡᠭᠳᠡᠵᠣ᠂ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠤᠨ ᠠᠵᠣ ᠠᠬᠤᠢ ᠡᠳᠦᠷ ᠢᠷᠡᠬᠦᠶ᠎ᠡ ᠲᠡᠭᠡᠭᠰᠢᠯᠡᠵᠣ ᠪᠣᠢ᠃ ᠭᠤᠷᠪᠠᠳᠣᠭᠠᠷ ᠠᠵᠣ ᠣᠶᠢᠯᠠᠰ ᠤᠨ ᠪᠦᠳᠦᠴᠡ ᠶᠢ ᠦᠷᠭᠦᠯᠵᠢᠯᠡᠨ ᠰᠢᠯᠢᠳᠡᠭᠵᠢᠭᠦᠯᠵᠣ᠂ ᠬᠦᠳᠡᠯᠭᠡᠭᠴᠢ ᠬᠦᠴᠦᠨ ᠲᠠᠢ ᠠᠮᠢᠳᠣᠯᠢᠭ ᠬᠦᠴᠦᠨ ᠪᠦᠬᠦᠢ ᠶᠢᠨ ᠣᠳᠦ ᠦᠶ᠎ᠡ ᠶᠢᠨ ᠠᠵᠣ ᠣᠶᠢᠯᠠᠰ ᠤᠨ ᠲᠣᠭᠳᠠᠴᠠ ᠶᠢ ᠪᠦᠷᠢᠯᠳᠦᠭᠦᠯᠵᠣ ᠪᠣᠢ᠃        ︵ᠭᠤᠷᠪᠠ︶ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠲᠡᠭᠦᠯᠳᠡᠷᠵᠢᠭᠦᠯᠦᠨ᠂ ᠬᠦᠭᠵᠢᠯᠳᠡ ᠶᠢᠨ ᠡᠷᠴᠢᠮ ᠢ ᠲᠠᠰᠣᠷᠠᠯᠳᠠ ᠦᠭᠡᠢ ᠰᠢᠯᠢᠳᠡᠭᠵᠢᠭᠦᠯᠪᠡ᠃ ᠬᠤᠳᠠ ᠪᠠᠯᠭᠠᠰᠣᠨ ᠤ ᠣᠶᠢᠯᠡᠴᠢᠯᠡᠭᠡᠨ ᠤ ᠴᠢᠳᠠᠪᠬᠢ ᠪᠣᠯᠣᠨ ᠠᠴᠢᠶᠠᠯᠠᠬᠤ ᠴᠢᠳᠠᠪᠬᠢ ᠶᠢ  ᠲᠡᠭᠡᠭᠰᠢᠯᠡᠭᠦᠯᠦᠨ᠂ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠳᠠ ᠪᠠ ᠣᠯᠣᠰ ᠤᠨ ᠴᠡᠴᠡᠷᠯᠢᠭᠵᠢᠭᠦᠯᠭᠡ ᠶᠢᠨ ᠬᠤᠰᠢᠭᠤ ᠰᠢᠶᠠᠨ ᠢ ᠠᠮᠵᠢᠯᠳᠠ ᠲᠠᠢ ᠴᠣᠭᠴᠠᠯᠠᠵᠣ᠂ ᠪᠦᠬᠦ ᠣᠷᠣᠨ ᠤ ᠠᠩᠬᠠᠳᠠᠭᠴᠢ ᠬᠤᠰᠢᠭᠤ ᠰᠢᠶᠠᠨ ᠤ ᠲᠡᠰ ᠤᠨ ᠳ᠋ᠠᠶᠢᠲᠨ ᠲᠦᠪ ᠢ ᠪᠠᠶᠢᠭᠤᠯᠵᠣ᠂ ᠨᠢᠭᠡ ᠪᠦᠯᠦᠭ ᠬᠠᠳᠠᠭᠤᠵᠢᠭᠤᠯᠣᠯᠳᠠ ᠣᠶᠢᠵᠢᠭᠤᠯᠣᠯᠳᠠ ᠬᠡᠷᠡᠯᠳᠦᠭᠦᠯᠭᠡ ᠵᠢᠴᠢ ᠵᠠᠮ ᠵᠡᠭᠡᠯᠢ ᠲᠠᠭᠠᠤ ᠭᠡᠷ ᠪᠠᠶᠢᠰᠢᠩ ᠤᠨ ᠦᠭᠡᠷᠡᠴᠢᠯᠡᠯᠳᠡ ᠶᠢᠨ ᠢᠨᠵᠧᠨᠧᠷᠢᠩ ᠢ ᠬᠡᠷᠡᠭᠵᠢᠭᠦᠯᠵᠣ᠂ ᠰᠢᠨ᠎ᠡ ᠨᠡᠮᠡᠭᠳᠡᠭᠰᠡᠨ ᠴᠡᠴᠡᠷᠯᠢᠭᠵᠢᠭᠦᠯᠭᠡ ᠨᠣᠭᠤᠭᠠᠵᠢᠭᠤᠯᠣᠯᠳᠠ  ᠶᠢᠨ ᠲᠠᠯᠠᠪᠠᠢ 18.6 ᠲᠦᠮᠡᠨ ᠺᠦᠸ᠋ᠳ᠋ ᠮᠧᠲᠷ ᠬᠦᠷᠴᠦ᠂ ᠪᠠᠯᠭᠠᠰᠣᠨ ᠲᠣᠭᠤᠷᠢᠭ ᠲᠤ ᠵᠠᠷᠣᠳᠠᠯ ᠬᠤᠷᠢᠶᠠᠬᠤ ᠦᠭᠡᠢ WIFI  ᠪᠦᠬᠦ ᠪᠦᠷᠬᠦᠴᠡ ᠶᠢ ᠪᠡᠶᠡᠯᠡᠭᠦᠯᠵᠣ ᠂ ᠪᠣᠷᠣᠪᠠᠯᠭᠠᠰᠦ ᠣᠨᠴᠠᠯᠢᠭᠳᠦ ᠪᠠᠯᠭᠠᠰᠦ ᠪᠠᠷ ᠦᠨᠡᠯᠡᠭᠳᠡᠨ᠂ ᠬᠤᠳᠡ ᠪᠠᠯᠭᠠᠰᠣᠨ ᠤ ᠴᠢᠳᠠᠪᠬᠢ ᠪᠣᠯᠣᠨ ᠬᠡᠪ ᠴᠢᠨᠠᠰᠠᠭ᠎ᠠ ᠢᠯᠡᠳᠳᠡ ᠲᠡᠭᠡᠭᠰᠢᠯᠡᠪᠡ᠃ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠣᠯᠠᠮ ᠲᠡᠭᠦᠯᠳᠡᠷᠵᠢᠭᠦᠯᠵᠣ᠂ ᠲᠤᠯᠢ ᠠᠴᠠ ᠱᠠᠩᠬᠠᠢ ᠶᠢᠨ ᠰᠥᠮ᠎ᠡ ᠭᠥᠷᠭᠦ ᠲᠡᠮᠣᠷ ᠵᠠᠮ ᠤᠨ ᠲᠣᠯᠢ ᠠᠴᠠ ᠣᠯᠵᠠᠴᠢ ᠬᠦᠷᠬᠦ ᠬᠡᠰᠡᠭ ᠲᠡᠷᠬᠡ ᠨᠡᠪᠳᠡᠷᠡᠭᠦ ᠨᠦᠬᠦᠴᠡᠯ ᠪᠦᠷᠢᠳᠴᠦ᠂ ᠣᠯᠵᠠᠴᠢ ᠠᠴᠠ ᠱᠠᠩᠬᠠᠢ ᠶᠢᠨ ᠰᠦᠮ᠎ᠡ ᠬᠦᠷᠬᠦ ᠬᠡᠰᠡᠭ ᠤᠨ ᠪᠦᠬᠦ ᠭᠠᠷᠳᠠᠮ ᠢ ᠭᠦᠢᠴᠡᠳᠬᠡᠵᠣ᠂ ᠤᠯᠵᠠᠴᠢ  ᠠᠴᠠ ᠰᠤᠬᠠᠢ ᠶᠢᠨ ᠪᠠᠶᠢᠰᠢᠩ ᠭᠥᠷᠭᠦ ᠲᠡᠮᠣᠷ ᠵᠠᠮ ︵ᠣᠯᠵᠠᠴᠢ ᠠᠴᠠ ᠱᠠᠨᠰᠢ ᠮᠣᠵᠢ ᠶᠢᠨ ᠵᠢᠩᠪᠢᠶᠠᠨ ᠰᠢᠶᠠᠨ ᠤ  ᠰᠣᠬᠠᠢ ᠶᠢᠨ ᠪᠠᠶᠢᠰᠢᠩ ᠪᠠᠯᠭᠠᠰᠦ ᠬᠦᠷᠬᠦ︶ ᠤᠨ ᠪᠣᠯᠣᠮᠵᠢᠳᠦ ᠮᠡᠳᠡᠭᠦᠯᠦᠯᠳᠡ ᠶᠢ ᠡᠳᠦᠭᠡ ᠶᠠᠭ ᠨᠠᠶᠢᠷᠠᠭᠤᠯᠵᠣ ᠪᠣᠢ︔ ᠣᠯᠵᠠᠴᠢ ᠠᠴᠠ ᠳ᠋ᠦᠩ ᠳ᠋ᠣᠣ ᠯᠢᠶᠠᠩ ᠭᠥᠷᠭᠦ ᠲᠦᠷᠬᠡᠨ ᠵᠠᠮ ︵ᠣᠯᠵᠠᠴᠢ ᠠᠴᠠ ᠨᠢᠩᠰᠢᠶ᠋ᠨ  ᠶᠢᠨ ᠳ᠋ᠦᠩ ᠳ᠋ᠣᠣ ᠯᠢᠶᠠᠩ ᠬᠦᠷᠬᠦ︶᠂ S216 ᠵᠠᠮ ᠤᠨ ᠣᠯᠵᠠᠴᠢ ᠠᠴᠠ ᠵᠠᠩᠭᠤᠳᠦ ᠬᠦᠷᠬᠦ ᠵᠠᠰᠠᠮᠠᠯ ᠵᠠᠮ ᠤᠨ ᠦᠭᠡᠷᠡᠴᠢᠯᠡᠯᠳᠡ  ︵ᠭᠤᠷᠪᠠᠳᠦᠭᠠᠷ ᠲᠡᠰ ᠢ ᠬᠤᠶᠠᠳᠣᠭᠠᠷ ᠲᠡᠰ ᠪᠣᠯᠭᠠᠨ ᠦᠭᠡᠷᠡᠴᠢᠯᠡᠬᠦ︶ ᠪᠠ ᠦᠣᠰᠢᠨ ᠬᠤᠰᠢᠭᠤᠨ ᠤ ᠲᠦᠩᠽᠢ ᠠᠴᠠ ᠪᠣᠷᠣᠪᠠᠯᠭᠠᠰᠦ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠤᠨ ᠭᠤᠣᠯ ᠪᠠᠷᠢᠯᠭ᠎ᠠ ᠲᠠᠭᠤᠰᠴᠦ᠂ ᠲᠡᠷᠬᠡ ᠨᠡᠪᠳᠡᠷᠡᠭᠦ ᠨᠦᠬᠦᠴᠡᠯ ᠪᠦᠷᠢᠳᠦᠨ᠂ S317 ᠵᠠᠮ ᠤᠨ ᠨᠠᠩᠰᠦ ᠠᠴᠠ ᠲᠣᠯᠢ ᠬᠦᠷᠬᠦ ᠬᠡᠰᠡᠭ ᠤᠨ ᠡᠮᠦᠨ᠎ᠡ ᠬᠤᠭᠤᠴᠠᠭᠠᠨ ᠤ ᠭᠠᠷᠳᠠᠮ ᠢ ᠡᠳᠥᠭᠡ ᠶᠠᠭ ᠭᠦᠢᠴᠡᠳᠬᠡᠵᠣ ᠪᠣᠢ︔ ᠣᠳᠤᠭ ᠤᠨ ᠡᠮᠦᠨᠡᠳᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠷᠢᠯᠭ᠎ᠠ ᠡᠬᠢᠯᠡᠵᠣ᠂ ᠣᠷᠳᠣᠰ ᠤᠨ ᠪᠣᠷᠣᠪᠠᠯᠭᠠᠰᠦ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠶᠢᠷᠢ ᠰᠣᠩᠭᠤᠬᠤ ᠯᠠᠪᠯᠠᠭᠠᠨ ᠤ ᠮᠡᠳᠡᠭᠦᠯᠦᠯᠳᠡ ᠬᠤᠸᠠᠪᠸᠢ ᠶᠢᠨ ᠠᠷᠠᠳ ᠤᠨ ᠠᠭᠠᠷ ᠠᠶᠠᠯᠠᠯ ᠤᠨ ᠲᠣᠪᠴᠢᠶ᠎ᠠ ᠶᠢᠨ ᠬᠢᠨᠠᠨ ᠪᠠᠶᠢᠴᠠᠭᠠᠯᠳᠠ ᠶᠢ ᠲᠣᠭᠤᠯᠵᠣ᠂ ᠵᠠᠮ ᠬᠠᠷᠢᠯᠴᠠᠭᠠᠨ ᠤ ᠪᠡᠶᠡᠳᠦ ᠲᠣᠣᠷ ᠪᠦᠷᠢᠯᠳᠦᠵᠣ ᠡᠬᠢᠯᠡᠪᠡ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠪᠦᠳᠦᠮᠵᠢ ᠶᠢ ᠲᠡᠭᠡᠭᠰᠢᠯᠡᠭᠦᠯᠵᠣ᠂ ᠠᠮᠢ ᠠᠬᠤᠢ ᠶᠢᠨ ᠣᠷᠴᠢᠨ ᠤ ᠬᠠᠣᠯᠢ ᠬᠡᠷᠡᠭᠵᠢᠭᠦᠯᠬᠦ ᠪᠠᠶᠢᠴᠠᠭᠠᠯᠳᠠ ᠶᠢᠨ ᠬᠦᠴᠦᠨ ᠢᠶᠠᠨ ᠴᠢᠩᠭᠠᠳᠬᠠᠵᠣ᠂ ᠣᠯᠣᠰ ᠤᠨ ᠨᠣᠳᠤᠭ ᠲᠡᠪᠢᠰᠭᠡᠷ ᠤᠨ ᠣᠶᠢᠵᠢᠭᠤᠯᠣᠯᠳᠠ ᠶᠢ 14.4 ᠲᠦᠮᠡᠨ ᠮᠣ᠋ ᠪᠡᠶᠡᠯᠡᠬᠦᠯᠵᠤ᠂ ᠪᠦᠬᠦ ᠬᠤᠰᠢᠭᠤᠨ ᠤ ᠣᠢ ᠰᠢᠭᠤᠢ ᠶᠢᠨ ᠪᠦᠷᠬᠦᠴᠡ ᠪᠣᠯᠣᠨ ᠣᠷᠭᠤᠮᠠᠯ ᠤᠨ ᠪᠦᠷᠬᠦᠪᠴᠢ ᠲᠤᠰᠪᠤᠷᠢ 23.6% ᠪᠠ 45% ᠳᠤ ᠬᠦᠷᠴᠦ᠂ ᠠᠮᠢ ᠠᠬᠤᠢ ᠶᠢᠨ ᠣᠷᠴᠢᠨ ᠦᠷᠭᠦᠯᠵᠢᠯᠡᠨ ᠰᠠᠶᠢᠵᠢᠷᠠᠪᠠ᠃        ︵ᠲᠦᠷᠪᠡ︶ ᠦᠭᠡᠷᠡᠴᠢᠯᠡᠯᠳᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠣ᠂ ᠠᠵᠣ ᠠᠬᠤᠢ ᠶᠢᠨ ᠬᠦᠭᠵᠢᠯᠳᠡ ᠶᠢᠨ ᠬᠦᠳᠡᠯᠭᠡᠭᠴᠢ ᠬᠦᠴᠦᠨ ᠢ ᠨᠡᠮᠡᠭᠳᠡᠭᠦᠯᠪᠡ᠃ ᠦᠭᠡᠷᠡᠴᠢᠯᠡᠯᠳᠡ ᠶᠢᠨ ᠦᠷ᠎ᠡ ᠪᠦᠳᠦᠭᠡᠯ ᠢ ᠲᠣᠪᠣᠶᠢᠯᠭᠠᠨ᠂ ᠲᠣᠳᠣᠭᠠᠳᠦ ᠬᠦᠳᠡᠯᠭᠡᠭᠴᠢ ᠬᠦᠴᠦᠨ ᠢ ᠠᠮᠢᠳᠣᠯᠢᠭᠵᠢᠭᠤᠯᠵᠣ᠂ ᠵᠢᠯ ᠤᠨ ᠡᠬᠢᠨ ᠳᠤ ᠲᠣᠭᠳᠠᠭᠠᠭᠰᠠᠨ 140 ᠲᠦᠷᠦᠯ ᠤᠨ ᠦᠭᠡᠷᠡᠴᠢᠯᠡᠯᠳᠡ ᠶᠢᠨ ᠡᠭᠦᠷᠭᠡ ᠪᠠ 45 ᠲᠦᠷᠦᠯ ᠤᠨ ᠦᠭᠡᠷᠡᠴᠢᠯᠡᠯᠳᠡ ᠶᠢᠨ ᠪᠦᠳᠦᠮᠵᠢ ᠶᠢᠨ ᠦᠨᠡᠯᠡᠯᠳᠡ ᠶᠢ ᠪᠦᠬᠦᠨ ᠢ ᠪᠡᠶᠡᠯᠡᠭᠦᠯᠵᠣ᠂ 52 ᠲᠦᠷᠦᠯ ᠤᠨ ᠦᠭᠡᠷᠡᠴᠢᠯᠡᠯᠳᠡ ᠶᠢᠨ ᠦᠷ᠎ᠡ ᠪᠦᠳᠦᠭᠡᠯ ᠣᠯᠪᠠ᠃ ᠦᠷᠭᠦᠯᠵᠢᠯᠡᠯ ᠦᠭᠡᠷᠡᠴᠢᠯᠡᠯᠳᠡ ᠲᠦᠷᠬᠡᠨ ᠠᠬᠢᠪᠠ᠃ ᠬᠡᠷᠡᠭ ᠵᠦᠪᠯᠡᠭᠦ ᠦᠭᠡᠷᠡᠴᠢᠯᠡᠯᠳᠡ ᠶᠢ ᠭᠦᠨᠵᠡᠭᠡᠶᠢᠷᠡᠭᠦᠯᠵᠣ᠂ ᠪᠦᠬᠦ ᠬᠤᠳᠠ ᠳᠤ ᠪᠠᠨ ᠲᠡᠷᠢᠭᠦᠯᠡᠨ ︽ᠣᠯᠠᠨ ᠦᠨᠡᠮᠯᠡᠯ ᠢ ᠨᠢᠬᠡᠳᠬᠡᠬᠦ᠂ ᠨᠢᠭᠡ ᠦᠨᠡᠮᠯᠡᠯ ᠨᠢᠭᠡ ᠳ᠋ᠣᠭᠠᠷᠯᠠᠯ︾ ᠢ ᠪᠡᠶᠡᠯᠡᠭᠦᠯᠪᠡ᠃ ᠰᠢᠶᠠᠨ ᠤ ᠬᠡᠪᠴᠢᠶᠡᠨ ᠤ ᠰᠠᠭᠤᠷᠢ ᠲᠦᠬᠦᠭᠡᠷᠦᠮᠵᠢ ᠶᠢᠨ ᠪᠡᠯᠡ ᠬᠤᠷᠠᠮᠳᠣᠭᠤᠯᠬᠤ ᠲᠣᠭᠳᠠᠴᠠ ᠶᠢᠨ ᠦᠭᠡᠷᠡᠴᠢᠯᠡᠯᠳᠡ ᠶᠢ ᠬᠡᠷᠡᠭᠵᠢᠭᠦᠯᠦᠨ᠂ ᠵᠠᠰᠠᠭ  ᠤᠨ ᠣᠷᠳᠣᠨ ᠤ ᠴᠢᠨᠠᠷᠳᠠᠢ ᠪᠡᠯᠡ ᠣᠷᠣᠭᠤᠯᠬᠤ ᠰᠠᠭᠤᠷᠢ ᠮᠦᠩᠭᠦᠨ ᠤ ᠣᠷᠣᠭᠤᠯᠣᠯᠳᠠ ᠪᠣᠯᠣᠨ ᠡᠷᠬᠢᠯᠳᠡ ᠶᠢᠨ ᠬᠡᠯᠪᠡᠷᠢ ᠶᠢ ᠰᠢᠨᠡᠴᠢᠯᠡᠵᠣ᠂  ᠶᠡᠷᠦᠩᠭᠡᠢ ᠪᠡᠯᠡ ᠣᠷᠣᠭᠤᠯᠣᠯᠳᠠ ᠪᠠᠷᠤᠭ 24 ᠳ᠋ᠦᠩᠰᠢᠭᠤᠷ ᠲᠦᠬᠦᠷᠢᠭ ᠤᠨ PPP ᠲᠦᠷᠦᠯ ᠵᠣᠶᠢᠯ ᠢ 27 ᠨᠦᠭᠡᠴᠡᠯᠡᠪᠡ᠃ ︽ᠲᠦᠪᠯᠡᠷᠡᠭᠦᠯᠦᠨ ᠭᠦᠢᠴᠡᠳᠬᠡᠬᠦ︾ ᠬᠠᠮᠢᠶᠠᠷᠣᠯᠳᠠ ᠶᠢᠨ ᠵᠠᠭᠪᠣᠷ ᠢ ᠪᠦᠬᠦ ᠲᠠᠯ᠎ᠠ ᠪᠠᠷ ᠲᠦᠭᠡᠮᠡᠯᠵᠢᠭᠦᠯᠵᠣ᠂ ᠵᠠᠰᠠᠭ ᠵᠠᠬᠢᠷᠭᠠᠨ ᠤ ᠴᠣᠬᠤᠯᠠᠪᠦᠷᠢᠯᠠᠯᠳᠠ 60% ᠠᠴᠠ ᠲᠡᠭᠡᠭᠰᠢ ᠲᠦᠷᠭᠡᠳᠬᠡᠵᠣ᠂ ᠵᠠᠰᠠᠭ  ᠤᠨ ᠶᠠᠪᠣᠳᠠᠯ ᠤᠨ ᠣᠶᠢᠯᠡᠴᠢᠯᠡᠭᠡᠨ ᠤ ᠲᠦᠪ ᠲᠣᠮᠳᠠᠳᠦ ᠣᠯᠣᠰ ᠤᠨ ᠵᠠᠰᠠᠭ ᠤᠨ ᠶᠠᠪᠣᠳᠠᠯ ᠤᠨ ᠣᠶᠢᠯᠡᠴᠢᠯᠡᠭᠡ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠦᠭᠡᠷᠡᠴᠢᠯᠡᠯᠳᠡ ᠰᠢᠨᠡᠴᠢᠯᠡᠯᠳᠡ ᠶᠢᠨ ᠱᠠᠩᠨᠠᠯ ᠬᠦᠷᠳᠡᠪᠡ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠠᠶᠢᠭᠤᠯᠣᠯᠳᠠ ᠶᠢ ᠲᠡᠭᠦᠯᠳᠡᠷᠵᠢᠭᠦᠯᠦᠨ᠂ ᠪᠠᠶᠢᠭᠠᠯᠢ  ᠶᠢᠨ ᠡᠬᠢ ᠰᠣᠷᠪᠣᠯᠵᠢ ᠶᠢᠨ ᠬᠦᠷᠦᠩᠭᠡ ᠶᠢᠨ ᠲᠤᠭᠠᠴᠠᠭᠠᠨ ᠤ ᠰᠢᠰᠲ᠋ᠧᠮ ᠢ ᠪᠦᠷᠢᠯᠳᠦᠭᠦᠯᠵᠣ᠂ 2016 ᠣᠨ ᠤ 6 ᠲᠦᠷᠦᠯ ᠤᠨ ᠪᠠᠶᠢᠭᠠᠯᠢ ᠶᠢᠨ ᠡᠬᠢ ᠰᠣᠷᠪᠣᠯᠵᠢ  ᠶᠢᠨ ᠪᠣᠳᠠᠳᠦ ᠲᠤᠭ᠎ᠠ ᠪᠠᠷᠢᠮᠳᠠ ᠶᠢᠨ ᠪᠦᠷᠢᠳᠬᠡᠯ ᠬᠢᠨᠠᠨ ᠪᠠᠶᠢᠴᠠᠭᠠᠯᠳᠠ ᠪᠣᠯᠣᠨ ᠦᠷᠳᠡᠭ ᠤᠨ ᠲᠤᠭᠠᠴᠠᠭᠠᠨ ᠤ ᠠᠵᠢᠯ ᠢ ᠪᠡᠶᠡᠯᠡᠭᠦᠯᠵᠣ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠦᠷᠦᠩᠭᠡ ᠶᠢᠨ ᠬᠢᠨᠠᠨ ᠪᠣᠳᠣᠯᠳᠠ ᠶᠢᠨ ᠮᠡᠳᠡᠭᠦᠯᠦᠯᠳᠡ ᠪᠦᠷᠢᠳᠪᠡ᠃ ︽ᠬᠤᠶᠠᠷ ᠢ ᠮᠡᠳᠡᠭᠳᠡᠬᠦ︾᠂ ︽ᠬᠤᠶᠠᠷ ᠢ ᠢᠯᠡᠰᠢᠭᠦᠯᠬᠦ︾᠂ ︽ᠬᠤᠶᠠᠷ  ᠢ ᠲᠣᠬᠢᠶᠠᠯᠳᠣᠯ ᠢᠶᠠᠷ᠂ ᠨᠢᠭᠡ ᠶᠢ ᠢᠯᠡᠰᠢᠭᠦᠯᠬᠦ︾ ᠠᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠨᠣᠳᠤᠭ ᠪᠡᠯᠴᠢᠭᠡᠷ ᠤᠨ ︽ᠡᠷᠬᠡ ᠶᠢ ᠲᠣᠳᠣᠳᠬᠠᠬᠤ᠂ ᠲᠠᠩᠰᠠᠯᠠᠬᠤ᠂ ᠦᠨᠡᠮᠯᠡᠯ ᠣᠯᠭᠤᠬᠤ︾ ᠦᠭᠡᠷᠡᠴᠢᠯᠡᠯᠳᠡ ᠨᠢ ᠣᠷᠣᠨ ᠤ ᠲᠡᠰ ᠤᠨ ᠦᠭᠡᠷᠡᠴᠢᠯᠡᠯᠳᠡ ᠶᠢᠨ ᠲᠣᠷᠰᠢᠯᠳᠠ ᠶᠢᠨ ᠴᠡᠭ ᠢᠶᠠᠷ ᠦᠨᠡᠯᠡᠭᠳᠡᠪᠡ᠃ ᠮᠣᠩᠭᠤᠯ ᠤᠨ ᠦᠨᠳᠦᠷᠯᠢᠭ ᠤᠨ ᠨᠣᠣᠯᠣᠭᠤᠷ ᠤᠨ ᠢᠮᠠᠭᠠᠨ ᠤ ᠠᠰᠢᠭ ᠰᠠᠶᠢᠳᠠᠢ ᠠᠮᠢ ᠠᠬᠤᠶᠢᠴᠢ ᠲᠡᠵᠢᠭᠡᠨ ᠦᠷᠡᠵᠢᠭᠦᠯᠭᠡ ᠶᠢᠨ ᠰᠣᠳᠣᠯᠬᠤ ᠬᠦᠷᠢᠶᠡᠯᠡᠩ ᠤᠨ ᠲᠣᠰᠬᠠᠢ ᠠᠵᠢᠯᠯᠠᠬᠤ ᠦᠷᠳᠡᠭᠡ ᠣᠯᠣᠰ ᠤᠨ ᠲᠠᠭᠤᠷᠢᠶᠠᠯ ᠲᠣᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠪᠠᠷ ᠦᠨᠡᠯᠡᠭᠳᠡᠪᠡ᠃ ᠬᠠᠩᠭᠠᠯᠭ᠎ᠠ  ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠣᠯᠳᠠ ᠵᠡᠷᠬᠡ ᠨᠢᠭᠡ ᠪᠦᠯᠦᠭ ᠭᠤᠣᠯᠳᠠᠯᠭᠠᠳᠦ ᠦᠭᠡᠷᠡᠴᠢᠯᠡᠯᠳᠡ ᠶᠢᠨ ᠡᠭᠦᠷᠭᠡ ᠶᠢᠨ ᠨᠠᠶᠢᠳᠠᠪᠦᠷᠢᠵᠢᠭᠤᠯᠣᠯᠳᠠ ᠬᠡᠷᠡᠭᠵᠢᠭᠦᠯᠦᠯᠳᠡ ᠶᠢ ᠴᠢᠩᠭᠠᠳᠬᠠᠪᠠ᠃ ᠦᠪᠡᠷ ᠢᠶᠠᠨ ᠰᠣᠩᠭᠤᠭᠰᠠᠨ ᠦᠭᠡᠷᠡᠴᠢᠯᠡᠯᠳᠡ ᠶᠢᠨ ᠪᠦᠳᠦᠮᠵᠢ ᠠᠩᠬᠠᠯᠠᠨ ᠢᠯᠡᠷᠡᠪᠡ᠃ ︽ᠣᠶᠣᠨᠴᠢ ᠡᠮᠦᠨᠡᠳᠦ ᠣᠳᠤᠭ︾᠂ ︽ᠲᠡᠰ ᠴᠢᠨᠠᠷᠳᠦ ᠮᠠᠯ ᠲᠠᠷᠢᠶᠠᠯᠠᠩ᠂ ᠬᠡᠪ ᠴᠢᠨᠰᠠᠭᠠᠳᠦ ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠳᠠᠢ ᠮᠠᠯᠴᠢᠨ ᠲᠠᠷᠢᠶᠠᠴᠢᠨ︾ ᠪᠣᠯᠣᠨ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠶᠠᠪᠣᠳᠠᠯ ᠤᠨ ᠲᠦᠪ ᠤᠨ ᠪᠠᠶᠢᠭᠤᠯᠣᠯᠳᠠ ᠵᠡᠷᠭᠡ 11 ᠲᠦᠷᠦᠯ ᠤᠨ ᠣᠳᠤᠭ ᠤᠨ ᠡᠮᠦᠨᠡᠳᠦ ᠬᠤᠰᠢᠭᠤᠨ ᠤ ᠣᠨᠴᠠᠯᠢᠭᠳᠦ ᠦᠭᠡᠷᠡᠴᠢᠯᠡᠯᠳᠡ ᠶᠢᠨ ᠡᠭᠦᠷᠬᠡ ᠶᠢ ᠪᠦᠳᠦᠭᠡᠯᠴᠢ ᠪᠠᠷ ᠪᠡᠶᠡᠯᠡᠭᠦᠯᠪᠡ᠃ ᠬᠤᠰᠢᠭᠤ᠂ ᠪᠠᠯᠭᠠᠰᠦ᠂ ᠭᠠᠴᠠᠭ᠎ᠠ ᠭᠤᠷᠪᠠᠨ ᠱᠠᠳᠦ ᠬᠤᠯᠪᠣᠭᠠᠯᠠᠭᠰᠠᠨ ︽ᠣᠶᠣᠨᠴᠢ ᠵᠠᠰᠠᠭ ᠤᠨ ᠶᠠᠪᠣᠳᠠᠯ︾ ᠤᠨ ᠲᠠᠪᠴᠠᠩ ᠤᠨ ᠪᠠᠶᠢᠭᠤᠯᠣᠯᠳᠠ ᠪᠦᠬᠦ ᠲᠠᠯ᠎ᠠ  ᠪᠠᠷ ᠶᠠᠪᠣᠭᠳᠠᠵᠣ᠂ ᠡᠩ ᠲᠡᠷᠢᠭᠦᠨ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠦᠯᠳᠡ ᠶᠢᠨ ᠲᠣᠭᠳᠠᠴᠠ ᠶᠢᠨ ᠦᠭᠡᠷᠡᠴᠢᠯᠡᠯᠳᠡ ᠶᠢ ᠡᠬᠢᠯᠡᠭᠦᠯᠪᠡ᠃ ᠦᠭᠡᠷᠡᠴᠢᠯᠡᠯᠳᠡ ᠶᠢᠨ ᠲᠣᠷᠰᠢᠯᠭ᠎ᠠ ᠶᠢ ᠳ᠋ᠦᠩᠨᠡᠨ ᠲᠦᠭᠡᠮᠡᠯᠵᠢᠭᠦᠯᠬᠦ ᠶᠢ ᠨᠡᠩ ᠴᠢᠬᠤᠯᠠᠴᠢᠯᠠᠵᠣ᠂ ᠬᠤᠰᠢᠭᠤᠨ ᠤ ᠦᠨᠳᠦᠰᠦᠳᠡᠨ ᠤ ᠠᠵᠢᠯ ᠮᠡᠷᠭᠡᠵᠢᠯ ᠤᠨ ᠲᠣᠮᠳᠠᠳᠦ ᠰᠣᠷᠭᠠᠭᠤᠯᠢ ᠶᠢᠨ ᠲᠠᠳᠣᠯᠭ᠎ᠠ ᠪᠣᠯᠪᠠᠰᠣᠷᠠᠯ ᠤᠨ ᠰᠠᠭᠤᠷᠢᠨ ᠭᠠᠵᠠᠷ ᠤᠨ ᠵᠠᠬ᠎ᠠ ᠲᠡᠯᠭᠡᠭᠦᠷᠴᠢᠯᠡᠭᠰᠡᠨ ᠠᠵᠢᠯᠯᠠᠮᠵᠢ ᠪᠣᠯᠣᠨ ᠲᠣᠳᠣᠭᠠᠳᠦ ᠶᠢ ᠬᠠᠮᠠᠭᠠᠯᠠᠬᠤ ︽ᠲᠣᠮᠣ ᠰᠠᠯᠠᠭ᠎ᠠ ᠮᠦᠴᠢᠷ᠂ ᠲᠣᠮᠣ ᠴᠠᠭᠳᠠᠭᠠᠨ ᠲᠦᠷᠦᠯ︾ ᠤᠨ ᠦᠭᠡᠷᠡᠴᠢᠯᠡᠯᠳᠡ ᠶᠢᠨ ᠲᠣᠷᠰᠢᠯᠭ᠎ᠠ ᠪᠦᠬᠦ ᠬᠤᠳᠠ ᠳᠤ ᠲᠦᠭᠡᠮᠡᠯᠵᠢᠪᠡ᠃ ᠲᠣᠷᠰᠢᠯᠳᠠ ᠶᠢᠨ ᠦᠭᠡᠷᠡᠴᠢᠯᠡᠯᠳᠡ ᠯᠠᠪᠳᠠᠭᠤᠨ ᠠᠬᠢᠪᠠ᠃ ᠡᠮᠨᠡᠭᠦ ᠰᠣᠪᠢᠯᠠᠬᠤ ᠶᠢ ᠣᠶᠠᠯᠳᠣᠭᠤᠯᠬᠤ ᠦᠭᠡᠷᠡᠴᠢᠯᠡᠯᠳᠡ ᠶᠢᠨ ᠲᠣᠷᠰᠢᠯᠳᠡ ᠶᠢ ᠠᠬᠢᠭᠤᠯᠵᠣ᠂ ᠠᠵᠠᠳᠠᠢ ᠡᠷᠡᠭᠦᠯᠵᠢᠯ ᠰᠣᠪᠢᠯᠠᠯ ᠤᠨ ᠬᠦᠷᠢᠶᠠᠯᠠᠩ ᠬᠢᠬᠡᠳ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ ᠨᠠᠰᠣᠳᠠᠳ ᠢ ᠠᠰᠠᠷᠠᠬᠤ ᠬᠦᠷᠢᠶᠡᠯᠡᠩ ᠡᠮᠨᠡᠬᠦ ᠰᠣᠪᠢᠯᠠᠬᠤ ᠶᠢ ᠣᠶᠠᠯᠳᠣᠭᠤᠯᠬᠤ ᠵᠦᠪᠯᠡᠯᠴᠡᠭᠡᠷ ᠲᠣᠭᠳᠠᠵᠣ᠂ ᠲᠥᠮᠡ ᠢᠯᠡᠭᠦᠣ ᠭᠥᠮᠥᠨ ᠣᠳᠠᠭ᠎ᠠ ᠶᠢᠨ ᠨᠠᠰᠣᠵᠢᠯ ᠪᠣᠯᠣᠨ ᠡᠮᠨᠡᠯᠭᠡ ᠶᠢᠨ ᠣᠶᠢᠯᠡᠴᠢᠯᠡᠭᠡ ᠬᠠᠩᠭᠠᠪᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠲᠣᠷᠰᠢᠯᠳᠠ ᠶᠢ ᠯᠠᠪᠳᠠᠭᠤᠨ ᠢᠶᠠᠷ ᠠᠬᠢᠭᠤᠯᠵᠣ᠂ ᠢᠷᠭᠠᠢ ᠬᠤᠳᠠ ᠯᠤᠭ᠎ᠠ ᠣᠷᠣᠨ ᠠᠯᠣᠰᠯᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠳᠣᠷᠠᠯᠴᠠᠭᠠᠨ ᠤ ᠲᠣᠭᠳᠠᠴᠠ ᠪᠠᠶᠢᠭᠤᠯᠣᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ  ᠤᠨ ᠣᠷᠣᠨ ᠠᠯᠣᠰᠯᠠᠨ ᠲᠠᠰᠤᠯᠠᠨ ᠪᠤᠳᠤᠯᠳᠠ ᠶᠢ ᠪᠡᠶᠡᠯᠡᠭᠦᠯᠪᠡ᠃ ᠦᠭᠡᠷᠡᠴᠢᠯᠡᠯᠳᠡ ᠶᠢᠨ ᠬᠦᠭᠵᠢᠯᠳᠡ ᠶᠢᠨ ᠦᠷ᠎ᠡ ᠪᠦᠳᠦᠭᠡᠯ ᠢᠶᠠᠷ ᠣᠯᠠᠨ ᠲᠦᠮᠡᠨ ᠤ ᠰᠣᠶᠣᠯ  ᠤᠨ ᠠᠮᠢᠳᠣᠷᠠᠯ ᠢ ᠪᠠᠶᠠᠯᠢᠭᠵᠢᠭᠤᠯᠪᠠ᠃        ︵ᠲᠠᠪᠤ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠣᠯᠠᠮ ᠴᠢᠩᠭᠠᠳᠬᠠᠨ᠂ ᠨᠠᠶᠢᠭᠡᠮ ᠤᠨ ᠣᠶᠢᠯᠠᠰ ᠢ ᠵᠣᠬᠢᠴᠠᠩᠭᠤᠢ ᠬᠦᠭᠵᠢᠭᠦᠯᠪᠡ᠃ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠲᠥᠪᠰᠢᠨ ᠢ ᠴᠢᠩᠭ᠎ᠠ ᠰᠠᠬᠢᠵᠤ᠂ ᠠᠷᠠᠳ ᠤᠨ ᠠᠮᠢᠳᠤᠷᠠᠯ ᠢ ᠪᠠᠳᠤᠯᠠᠬᠤ ︽ᠵᠢᠷᠭᠤᠭᠠᠨ ᠲᠠᠪᠬᠤᠷ ᠲᠤᠤᠷ︾  ᠢ ᠪᠠᠬᠢᠵᠢᠭᠦᠯᠵᠣ᠂ ᠡᠳ᠋ ᠤᠨ ᠵᠠᠰᠠᠭ ᠤᠨ ᠣᠷᠣᠯᠭ᠎ᠠ ᠶᠢᠨ 80% ᠠᠴᠠ ᠲᠡᠭᠡᠭᠰᠢ ᠶᠢ ᠠᠷᠠᠳ ᠤᠨ ᠠᠮᠢᠳᠣᠷᠠᠯ ᠵᠢᠴᠢ ᠨᠡᠶᠢᠭᠡᠮ ᠤᠨ ᠣᠶᠢᠯᠠᠰ ᠤᠨ ᠬᠦᠭᠵᠢᠯᠳᠡ ᠳᠤ ᠵᠠᠷᠣᠴᠠᠭᠤᠯᠪᠠ᠃ ᠶᠠᠳᠠᠭᠤ ᠬᠦᠴᠢᠷᠳᠡᠯᠳᠡᠢ ᠡᠷᠦᠬᠡ ᠶᠢᠨ ᠬᠦᠮᠦᠨ ᠲᠣᠳᠣᠮ ᠤᠨ ᠴᠡᠪᠡᠷ ᠣᠷᠣᠯᠭ᠎ᠠ 20% ᠪᠠᠷ ᠨᠡᠮᠡᠭᠳᠡᠵᠣ᠂ ᠭᠥᠴᠢᠷᠳᠡᠯᠳᠡᠢ ᠡᠷᠥᠭᠡ ᠶᠢᠨ ᠶᠠᠳᠠᠭᠤ  ᠠᠴᠠ ᠠᠩᠬᠢᠵᠢᠷᠠᠨ ᠴᠢᠨᠡᠭᠡᠯᠢᠭᠵᠢᠯ ᠳᠤ ᠲᠠᠪᠰᠢᠬᠤ ᠭᠥᠴᠥᠨ ᠢ ᠢᠯᠡᠳᠳᠡ ᠨᠡᠮᠡᠭᠳᠡᠭᠦᠯᠪᠡ᠃ ︽ᠥᠢᠯᠡᠰ ᠪᠥᠳᠥᠭᠡᠯᠳᠡ ᠲᠠᠢ ᠡᠮᠥᠨᠡᠳᠥ  ᠤᠳᠤᠭ︾ ᠤᠨ ᠠᠵᠢᠯᠯᠠᠭ᠎ᠠ  ᠶᠢ ᠭᠥᠨᠵᠡᠭᠡᠢ ᠭᠡᠷᠡᠭᠵᠢᠭᠦᠯᠵᠥ᠂ 958 ᠭᠥᠮᠥᠨ ᠳᠤ ᠰᠢᠨ᠎ᠡ ᠪᠠᠷ ᠠᠵᠢᠯ ᠣᠯᠵᠣ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 2% ᠳᠤ ᠬᠢᠵᠠᠭᠠᠷᠯᠠᠪᠠ᠃ ᠨᠡᠶᠢᠭᠡᠮ ᠤᠨ ᠪᠠᠳᠤᠯᠠᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠭᠡᠵᠤ᠂ ᠡᠮᠴᠢᠯᠡᠭᠡᠨ ᠤ ᠲᠠᠭᠠᠳᠬᠠᠯ ᠤᠨ ᠭᠠᠳᠠᠨ᠎ᠠ ᠭᠠᠵᠠᠷ ᠲᠤᠭᠠᠴᠠᠭ᠎ᠠ ᠬᠢᠭᠦ᠂ ᠬᠥᠨᠳᠥ ᠡᠪᠡᠳᠴᠢᠳᠡᠨ ᠢ ᠲᠤᠰᠠᠯᠠᠬᠤ᠂ ᠡᠮᠴᠢᠯᠡᠭᠡᠨ ᠤ ᠤᠷᠢᠳᠡᠢ ᠠᠪᠤᠷᠠᠨ ᠲᠤᠰᠠᠯᠠᠬᠤ ᠵᠡᠷᠭᠡ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠭᠦ ᠬᠤᠰᠢᠭᠤᠨ ᠤ ᠮᠠᠯᠴᠢᠨ ᠲᠠᠷᠢᠶᠠᠴᠢᠳ ᠤᠨ ᠨᠠᠰᠤᠵᠢᠯ ᠤᠨ ᠲᠠᠭᠠᠳᠬᠠᠯ ᠳᠤ ᠣᠷᠣᠯᠴᠠᠭᠰᠠᠨ ᠨᠣᠷᠮ᠎ᠠ 97% ᠠᠴᠠ ᠲᠠᠪᠠᠵᠣ᠂ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠡᠮᠨᠡᠯᠭᠡ ᠶᠢᠨ ᠪᠦᠷᠬᠦᠴᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ ᠶᠢᠨ ᠲᠦᠪᠰᠢᠨ ᠪᠦᠬᠦ ᠲᠠᠯ᠎ᠠ ᠪᠠᠷ ᠲᠡᠭᠡᠭᠰᠢᠯᠡᠵᠣ᠂ ᠪᠦᠬᠦ ᠵᠢᠯ ᠳᠤ ᠨᠡᠶᠢᠳᠡ 1200 ᠢᠯᠡᠭᠦᠤ ᠲᠦᠮᠡᠨ ᠲᠦᠭᠦᠷᠢᠭ ᠤᠨ ᠲᠣᠣᠷ᠎ᠠ ᠪᠠᠳᠣᠯᠠᠭ᠎ᠠ ᠶᠢᠨ ᠨᠦᠬᠦᠪᠦᠷᠢ ᠣᠯᠭᠤᠨ᠂ 4200 ᠢᠯᠡᠭᠦᠣ ᠶᠠᠳᠠᠭᠤ ᠬᠦᠴᠢᠷᠳᠡᠯᠳᠡᠢ ᠣᠯᠠᠨ ᠲᠦᠮᠡᠨ ᠤ ᠲᠣᠣᠷ᠎ᠠ ᠪᠠᠳᠣᠯᠠᠭ᠎ᠠ ᠶᠢ ᠪᠡᠶᠡᠯᠡᠭᠦᠯᠪᠡ᠃ ︽ᠣᠶᠣᠨᠴᠢ ᠰᠣᠷᠭᠠᠨ ᠬᠦᠮᠦᠵᠢᠯ︾ ᠤᠨ ᠢᠨᠵᠧᠨᠧᠷᠢᠩ ᠢ ᠰᠦᠪᠡᠭᠴᠢᠯᠡᠨ ᠬᠡᠷᠡᠭᠵᠢᠭᠦᠯᠵᠣ᠂ ᠮᠣᠩᠭᠤᠯ ᠲᠣᠮᠳᠠᠲᠣ ᠰᠣᠷᠭᠠᠭᠤᠯᠢ ᠣᠷᠣᠨ ᠤ ᠰᠢᠯᠢᠳᠡᠭ ᠲᠣᠮᠳᠠᠳᠦ ᠰᠣᠷᠭᠠᠭᠤᠯᠢ ᠶᠢᠨ ᠬᠢᠨᠡᠯᠳᠡ ᠦᠨᠡᠯᠡᠯᠳᠡ ᠶᠢ ᠠᠮᠵᠢᠯᠳᠠ ᠲᠣᠭᠤᠯᠵᠣ᠂ ᠬᠤᠰᠢᠭᠤᠨ ᠤ ᠠᠵᠢᠯ ᠮᠡᠷᠭᠡᠵᠢᠯ ᠤᠨ ᠲᠣᠮᠳᠠᠲᠣ ᠰᠣᠷᠭᠠᠭᠤᠯᠢ ᠬᠤᠶᠠᠳᠣᠭᠠᠷ ᠪᠦᠯᠦᠭ ᠤᠨ ᠪᠦᠬᠦ ᠣᠯᠣᠰ ᠤᠨ ᠲᠣᠮᠳᠠ ᠪᠠᠭ᠎ᠠ ᠰᠣᠷᠭᠠᠭᠤᠯᠢ ᠶᠢᠨ ᠰᠣᠶᠣᠯ ᠤᠨ ᠦᠪᠯᠡᠯ ᠣᠯᠠᠮᠵᠢᠯᠡᠯ   ᠤᠨ ᠰᠢᠯᠢᠳᠡᠭ ᠰᠣᠷᠭᠠᠭᠤᠯᠢ ᠪᠠᠷ ᠦᠨᠡᠯᠡᠭᠳᠡᠵᠣ᠂ ᠰᠣᠷᠭᠠᠨ ᠬᠦᠮᠦᠵᠢᠯ ᠤᠨ ᠶᠠᠮᠣᠨ ᠠᠴᠠ ᠪᠣᠷᠣᠪᠠᠯᠭᠠᠰᠣ ᠪᠦᠷᠢᠨ ᠪᠠᠭ᠎ᠠ ᠰᠣᠷᠭᠠᠭᠤᠯᠢ ᠶᠢ ᠣᠶᠣᠨᠴᠢ ᠰᠣᠷᠭᠠᠨ ᠬᠦᠮᠦᠵᠢᠯ ᠤᠨ ᠬᠠᠷᠢᠯᠴᠠᠭ᠎ᠠ ᠬᠠᠮᠳᠣᠷᠠᠯᠴᠠᠭᠠᠨ ᠤ ᠲᠠᠭᠤᠷᠢᠶᠠᠯ ᠵᠢᠱᠢᠶ᠎ᠡ ᠪᠣᠯᠪᠠ᠃ ︽ᠡᠷᠡᠭᠦᠯ ᠡᠩᠬᠡ ᠡᠮᠦᠨᠡᠳᠦ ᠣᠳᠤᠭ︾ ᠢᠨᠵᠧᠨᠧᠷᠢᠩ ᠢ ᠦᠷᠭᠦᠯᠵᠢᠯᠡᠨ ᠠᠬᠢᠭᠤᠯᠵᠣ᠂  4.4 ᠲᠦᠮᠡᠨ ᠬᠦᠮᠦᠨ ᠭᠡᠷ ᠪᠦᠯᠢ ᠶᠢᠨ ᠡᠮᠴᠢ ᠶᠢᠨ ᠭᠡᠷ᠎ᠡ ᠣᠶᠢᠯᠡᠴᠢᠯᠡᠭᠡ ᠶᠢ ᠬᠦᠷᠳᠡᠨ᠂ ᠡᠮ ᠡᠮᠴᠢᠯᠡᠭᠡᠨ ᠤ ᠣᠷᠴᠢᠨ ᠢ ᠤᠯᠠᠮ ᠲᠡᠭᠡᠭᠰᠢᠯᠡᠭᠦᠯᠪᠡ᠃ ︽ᠰᠣᠶᠣᠯ ᠢ ᠲᠣᠭᠠᠴᠠᠯᠠᠨ ᠬᠦᠳᠡᠭᠡ ᠪᠠᠭᠤᠯᠭᠠᠬᠤ︾ ᠪᠣᠯᠣᠨ ︽ᠨᠣᠮ ᠡᠷᠳᠡᠨᠢᠳᠦ︾ ᠭᠡᠷ ᠪᠦᠯᠢ ᠢᠨᠵᠧᠨᠧᠷᠢᠩ ᠢ ᠪᠦᠳᠦᠮᠵᠢᠳᠠᠢ ᠨᠠᠶᠢᠳᠠᠪᠦᠷᠢᠵᠢᠭᠤᠯᠵᠣ᠂ ᠬᠤᠪᠢᠰᠬᠠᠯᠳᠦ ᠵᠦᠴᠦᠭᠡ ︽ᠠᠨᠠᠷ ᠪᠣᠯᠪᠠᠰᠣᠷᠠᠯ᠎ᠠ︾ ᠪᠡᠭᠡᠵᠢᠩ᠂ ᠬᠦᠬᠡᠬᠤᠳᠠ ᠵᠡᠷᠭᠡ ᠭᠠᠵᠠᠷ ᠢᠶᠠᠷ ᠠᠮᠵᠢᠯᠳᠠ ᠲᠠᠢ ᠲᠣᠭᠯᠠᠭᠳᠠᠵᠣ᠂ ᠣᠯᠠᠨ ᠶᠠᠩᠵᠣᠳᠦ ᠠᠷᠭ᠎ᠠ ᠬᠡᠯᠪᠡᠷᠢ ᠪᠠᠷ ᠰᠤᠶᠤᠯ ᠢ ᠬᠦᠳᠡᠭᠡ ᠪᠠᠭᠤᠯᠭᠠᠵᠣ᠂ ᠲᠣᠭᠯᠠᠯᠳᠠ ᠭᠠᠷᠭᠠᠬᠤ᠂ ᠨᠣᠮ ᠪᠡᠯᠡᠭᠯᠡᠬᠦ᠂ ᠺᠢᠨᠤ᠋ ᠭᠠᠷᠭᠠᠬᠤ ᠵᠡᠷᠭᠡ ᠠᠵᠢᠯᠯᠠᠭ᠎ᠠ ᠶᠢ ᠦᠷᠨᠢᠭᠦᠯᠵᠣ᠂ ︽ᠪᠣᠬᠢᠷᠳᠣᠯ ᠦᠭᠡᠢ ᠠᠶᠠᠯᠠᠯ᠂ ᠡᠷᠡᠭᠦᠯ ᠡᠩᠬᠡ ᠠᠮᠢᠳᠣᠷᠠᠯ︾ ᠶᠠᠪᠠᠭᠠᠯᠠᠨ ᠠᠯᠬᠤᠬᠤ ᠠᠵᠢᠯᠯᠠᠭ᠎ᠠ᠂ ᠺᠠᠳ᠋ᠷ ᠠᠵᠢᠯᠳᠠᠨ ᠤ ᠲᠠᠮᠢᠷ ᠤᠨ ᠣᠷᠣᠯᠳᠣᠭᠠᠨ ᠵᠡᠷᠭᠡ ᠣᠯᠠᠨ ᠲᠦᠮᠡᠨᠴᠢ ᠠᠵᠢᠯᠯᠠᠭ᠎ᠠ ᠡᠷᠬᠢᠯᠡᠵᠣ᠂ ᠣᠯᠠᠨ ᠲᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠪᠠ᠃ ᠣᠶᠣᠨ ᠤ ᠪᠣᠯᠪᠠᠰᠣᠨ ᠤ ᠴᠣᠭᠴᠠᠯᠠᠯᠳᠠ᠂ ᠣᠷᠴᠢᠨ ᠲᠣᠭᠤᠷᠢᠨ ᠤ ᠬᠠᠮᠠᠭᠠᠯᠠᠯᠳᠠ᠂ ᠦᠨᠳᠦᠰᠦᠳᠡᠨ ᠱᠠᠰᠢᠨ ᠰᠣᠷᠳᠠᠬᠤᠨ᠂ ᠵᠠᠬᠢᠳᠠᠯ ᠰᠣᠷᠪᠣᠯᠵᠢᠯᠠᠭ᠎ᠠ ᠠᠮᠣᠷ ᠲᠣᠭᠳᠠᠭᠤᠨ᠂ ᠨᠡᠶᠢᠭᠡᠮ ᠤᠨ ᠠᠮᠣᠷ ᠬᠠᠮᠠᠭᠠᠯᠠᠯᠳᠠ᠂ ᠠᠶᠤᠯᠬᠦᠢ ᠣᠶᠢᠯᠠᠳᠪᠦᠷᠢᠯᠠᠯ᠂ ᠬᠠᠣᠯᠢ ᠲᠦᠬᠡᠮᠡᠯᠵᠢᠬᠦᠯᠤᠯ᠂ ᠢᠳᠡᠭᠡᠨ ᠤ ᠠᠮᠣᠷ ᠲᠦᠪᠰᠢᠨ᠂ ᠴᠢᠳᠠᠪᠦᠷᠢᠳᠠᠨ᠂ ᠡᠷᠡᠭᠦᠯ ᠬᠠᠮᠠᠭᠠᠯᠠᠯ ᠲᠦᠯᠦᠪᠯᠡᠭᠡᠳᠦ ᠭᠦᠩᠭᠡᠵᠢᠯ᠂ ᠡᠮᠡᠭᠳᠡᠶᠢᠴᠣᠳ ᠬᠡᠣᠬᠡᠳ ᠪᠠᠭᠠᠴᠣᠳ ᠵᠡᠷᠭᠡ ᠠᠵᠢᠯ ᠯᠠᠪᠳᠠᠭᠤᠨ ᠠᠬᠢᠵᠣ᠂ ᠨᠡᠶᠢᠭᠡᠮ ᠤᠨ ᠣᠷᠴᠢᠨ ᠡᠶ᠎ᠡ ᠵᠣᠬᠢᠴᠠᠩᠭᠤᠢ ᠲᠣᠭᠳᠠᠭᠤᠨ ᠪᠣᠯᠪᠠ᠃        2017 ᠣᠨ ᠢ ᠡᠷᠭᠢᠴᠡᠭᠦᠯᠪᠡᠯ᠂ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠰᠠᠶᠢᠨ ᠪᠠᠶᠢᠵᠣ᠂ ᠠᠵᠣ ᠠᠬᠤᠢ ᠶᠢᠨ ᠪᠦᠬᠦᠶᠢᠯᠡ ᠴᠣᠭᠴᠠ ᠶᠢᠨ ᠲᠦᠪᠰᠢᠨ ᠤ ᠲᠣᠭᠳᠠᠭᠤᠨ ᠢ ᠪᠠᠳᠣᠯᠠᠪᠠ᠃ ᠭᠡᠪᠡᠴᠦ ᠪᠢᠳᠠ ᠠᠵᠣ ᠠᠬᠤᠢ ᠶᠢᠨ ᠡᠷᠬᠢᠯᠳᠡ ᠲᠣᠮᠳᠠ ᠮᠦᠨ ᠯᠡ ᠬᠦᠴᠢᠷᠳᠡᠯ ᠪᠠ ᠠᠰᠠᠭᠤᠳᠠᠯ ᠣᠷᠣᠰᠢᠵᠣ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠳᠡᠢ᠃ ᠭᠤᠣᠯᠳᠠᠭᠤ᠄ ᠬᠦᠭᠵᠢᠯᠳᠡ ᠶᠢᠨ ᠶᠠᠰᠦ ᠴᠢᠨᠠᠷ ᠪᠣᠯᠣᠨ ᠦᠷ᠎ᠡ ᠠᠰᠢᠭ ᠲᠣᠣᠷ᠎ᠠ᠂ ᠡᠬᠢ ᠰᠣᠷᠪᠣᠯᠵᠢ ᠶᠢᠨ ᠬᠡᠯᠪᠡᠷᠢ ᠲᠠᠢ ᠠᠵᠣ ᠣᠶᠢᠯᠠᠰ ᠤᠨ ᠬᠠᠷᠢᠴᠠᠯ ᠨᠠᠯᠢᠶᠡᠳ ᠦᠨᠳᠦᠷ᠂ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠠᠵᠣ ᠣᠶᠢᠯᠠᠰ ᠤᠨ ᠪᠣᠶᠢᠵᠢᠯᠳᠠ ᠲᠣᠳᠠᠮᠠᠭ᠂ ᠣᠳᠦ ᠦᠶ᠎ᠡ ᠶᠢᠨ ᠣᠶᠢᠯᠡᠴᠢᠯᠡᠭᠡᠨ ᠤ ᠬᠡᠪᠴᠢᠶᠡᠵᠢᠯ ᠪᠠᠭ᠎ᠠ᠂ ᠲᠦᠪᠰᠢᠨ ᠲᠣᠣᠷ᠎ᠠ ᠪᠣᠢ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠬᠤᠷᠳᠣᠴᠠ ᠣᠳᠠᠭᠠᠰᠢᠷᠠᠵᠣ᠂ ᠲᠣᠭᠳᠠᠭᠤᠨ ᠨᠡᠮᠡᠭᠳᠡᠯ ᠤᠨ ᠲᠠᠷᠣᠯᠳᠠ ᠮᠦᠨ ᠯᠡ ᠶᠡᠭᠡ ᠪᠣᠢ︔ ᠡᠳ᠋ ᠤᠨ ᠵᠠᠰᠠᠭ ᠤᠨ ᠵᠠᠷᠣᠯᠭ᠎ᠠ ᠶᠡᠭᠡ᠂ ᠣᠷᠣᠯᠭ᠎ᠠ ᠵᠠᠷᠣᠯᠭ᠎ᠠ ᠶᠢᠨ ᠵᠦᠷᠢᠴᠡᠯ ᠲᠣᠪᠣᠶᠢᠮ᠎ᠠ ᠪᠣᠢ᠃ ᠡᠳᠡᠭᠡᠷ ᠠᠰᠠᠭᠤᠳᠠᠯ ᠢ ᠪᠢᠳᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠢᠳᠡᠪᠬᠢᠳᠡᠢ᠂ ᠪᠣᠳᠠᠳᠠᠢ᠂ ᠪᠦᠳᠦᠮᠵᠢᠳᠡᠢ ᠠᠷᠭ᠎ᠠ ᠠᠪᠴᠠᠯ ᠢᠶᠠᠷ ᠦᠨᠡᠨ ᠬᠦ ᠰᠢᠢᠳᠪᠦᠷᠢᠯᠡᠬᠦ ᠴᠢᠬᠤᠯᠠᠳᠠᠢ᠃        ᠬᠤᠶᠠᠷ᠂ 2018 ᠣᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ        2018 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠳᠦ ᠢᠯᠠᠯᠳᠠ ᠶᠢ ᠣᠯᠵᠣ᠂ ︽ᠠᠷᠪᠠᠨ ᠭᠤᠷᠪᠠᠳᠣᠭᠠᠷ ᠲᠠᠪᠣᠨ ᠵᠢᠯ ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠣ ᠣᠯᠣᠰ ᠤᠨ ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ  ᠪᠠᠷ ᠵᠢᠯᠣᠭᠤᠳᠣᠯᠭ᠎ᠠ ᠪᠣᠯᠭᠠᠨ᠂ ᠲᠣᠭᠳᠠᠭᠤᠨ ᠢᠶᠠᠷ ᠠᠬᠢᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠬᠦᠭᠵᠢᠯᠳᠡ ᠤᠨ  ᠦᠵᠡᠯᠳᠡ ᠶᠢ ᠪᠠᠷᠢᠮᠳᠠᠯᠠᠵᠣ᠂ ︽ᠲᠠᠪᠤ ᠶᠢ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠣᠯᠳᠠ ᠪᠣᠯᠣᠨ ︽ᠲᠦᠷᠪᠠᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ ᠨᠢᠭᠡᠳᠦᠯᠳᠡᠢ ᠵᠣᠬᠢᠴᠠᠩᠭᠤᠢ ᠠᠬᠢᠭᠤᠯᠵᠣ᠂  ᠴᠢᠨᠠᠷᠯᠢᠭ ᠬᠦᠭᠵᠢᠯᠳ᠋ᠨ ᠶᠢᠨ ᠱᠠᠭᠠᠷᠳᠠᠯᠭ᠎ᠠ ᠶᠣᠰᠣᠭᠠᠷ᠂ ᠨᠡᠮ ᠤᠨ ᠲᠦᠪ ᠬᠤᠷᠢᠶ᠎ᠠ᠂ ᠲᠦᠷᠦ  ᠶᠢᠨ ᠶᠠᠪᠣᠳᠠᠯ ᠤᠨ ᠬᠤᠷᠢᠶ᠎ᠠ ᠵᠢᠴᠢ ᠦᠪᠡᠷᠳᠡᠭᠡᠨ ᠵᠠᠰᠠᠬᠤ ᠣᠷᠣᠨ᠂ ᠬᠤᠳᠠ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠲᠦᠷᠦᠯ ᠤᠨ ᠰᠢᠢᠡᠳᠪᠦᠷᠢᠳᠦ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠨᠣᠴᠢᠳᠠᠢ ᠲᠦᠭᠰᠢᠭᠦᠷᠢ ᠶᠢ ᠰᠡᠷᠭᠡᠶᠢᠯᠡᠬᠦ᠂ ᠨᠠᠷᠢᠯᠢᠭ ᠣᠨᠣᠪᠴᠢᠳᠠᠢ ᠪᠠᠷ ᠶᠠᠳᠠᠭᠤ  ᠠᠴᠠ ᠠᠩᠬᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠳᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠰᠠᠶᠢᠳᠦᠷ ᠬᠢᠵᠣ᠂ ᠬᠦᠭᠵᠢᠯᠳᠡ᠂ ᠠᠷᠠᠳ ᠤᠨ ᠠᠮᠢᠳᠣᠷᠠᠯ᠂ ᠠᠮᠢ ᠠᠬᠤᠢ ᠭᠤᠷᠪᠠᠨ ᠬᠤᠷᠢᠭ᠎ᠠ ᠱᠣᠭᠤᠮ ᠢ ᠪᠠᠳᠦ ᠰᠠᠬᠢᠵᠣ᠂ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ ᠵᠢᠷᠣᠮ ᠰᠠᠶᠢᠨ᠂ ᠬᠡᠪ ᠰᠣᠷᠳᠠᠯ ᠲᠦᠪ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠴᠣᠭᠴᠠᠯᠠᠨ᠎ᠠ᠃         ᠠᠵᠣ ᠠᠬᠤᠢ ᠶᠢᠨ ᠨᠡᠶᠢᠭᠡᠮ ᠤᠨ ᠬᠦᠭᠵᠢᠯᠳᠡ ᠶᠢᠨ ᠵᠢᠱᠢᠭᠰᠡᠨ ᠭᠤᠣᠯ ᠬᠠᠷᠠᠯᠳᠠ ᠪᠣᠯ᠄ ᠭᠠᠵᠠᠷ ᠣᠷᠣᠨ ᠤ ᠣᠶᠢᠯᠠᠳᠪᠦᠷᠢᠯᠡᠯ ᠤᠨ ᠶᠡᠷᠦᠩᠬᠡᠢ ᠦᠷᠳᠡᠭ  ᠢ 7% ᠨᠡᠮᠡᠭᠳᠡᠭᠦᠯᠵᠣ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠣᠷᠣᠯᠭ᠎ᠠ ᠶᠢ ᠲᠣᠰᠪᠦᠷᠢ 7.5% ᠪᠠ 8% ᠨᠡᠮᠡᠭᠳᠡᠭᠦᠯᠦᠨ᠎ᠡ᠃ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 3% ᠲᠣᠳᠣᠷ᠎ᠠ ᠬᠢᠵᠠᠭᠠᠷᠯᠠᠵᠣ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷ ᠲᠠᠢ ᠦᠭᠡᠷᠡᠴᠢᠯᠡᠯᠳᠡ ᠶᠢ ᠪᠣᠳᠠᠳᠠᠢ ᠠᠬᠢᠭᠤᠯᠵᠣ᠂ ᠡᠨᠧᠷᠬᠢ ᠠᠷᠪᠢᠯᠠᠨ ᠪᠣᠬᠢᠷᠳᠣᠯ ᠪᠠᠭᠠᠰᠬᠠᠬᠤ ᠡᠭᠦᠷᠭᠡ ᠶᠢ ᠪᠡᠶᠡᠯᠡᠭᠦᠯᠦᠨ᠂ ᠡᠳ᠋ ᠤᠨ ᠵᠠᠰᠠᠭ᠂ ᠮᠦᠩᠭᠦᠨ ᠭᠦᠢᠯᠭᠡᠭᠡᠨ ᠤ ᠲᠦᠭᠰᠢᠭᠦᠷᠢ ᠶᠢ ᠪᠦᠳᠦᠮᠵᠢᠳᠠᠢ ᠰᠡᠷᠭᠡᠶᠢᠯᠡᠵᠣ᠂ ᠵᠠᠰᠠᠭ ᠤᠨ ᠣᠷᠳᠣᠨ ᠤ ᠦᠷᠢ ᠦᠭᠴᠡᠭᠡ ᠶᠢ ᠰᠢᠢᠳᠪᠦᠷᠢᠯᠡᠬᠦ ᠵᠢᠯ ᠤᠨ ᠡᠬᠦᠷᠭᠡ  ᠪᠠᠨ ᠪᠡᠶᠡᠯᠡᠭᠦᠯᠦᠨ᠎ᠡ᠃ ᠲᠡᠭᠡᠷᠡᠬᠢ ᠬᠠᠷᠠᠯᠳᠠ ᠶᠢᠨ ᠲᠣᠭᠤᠷᠢᠨ ᠳᠤ ᠪᠦᠬᠦ ᠬᠤᠰᠢᠭᠤ ᠪᠠᠷ ᠢᠶᠠᠨ ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠦᠷ ᠠᠳᠬᠤᠨ᠎ᠠ᠄        ︵ᠨᠢᠭᠡ︶ ︽ᠭᠤᠷᠪᠠᠨ ᠶᠡᠭᠡ ᠰᠢᠪᠳᠤᠯᠤᠯᠳᠠ ᠶᠢᠨ ᠠᠵᠢᠯ︾ ᠢ ᠰᠠᠶᠢᠳᠤᠷ ᠬᠢᠵᠤ ᠴᠢᠬᠤᠯᠠ ᠲᠤᠤᠱᠯᠠᠭᠤᠯᠤᠯᠳᠠ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ᠃ ᠰᠢᠪᠳᠤᠯᠤᠯᠳᠠ ᠶᠢᠨ ᠡᠭᠦᠷᠭᠡ ᠶᠢᠨ ᠲᠣᠭᠤᠷᠢᠨ ᠳᠤ ᠬᠠᠷᠢᠭᠤᠴᠠᠯᠭ᠎ᠠ ᠶᠢ ᠲᠤᠳᠤᠳᠬᠠᠵᠤ ᠲᠥᠷᠥ ᠶᠢᠨ ᠪᠤᠳᠤᠯᠭ᠎ᠠ ᠶᠢᠨ ᠪᠠᠳᠤᠯᠠᠭ᠎ᠠ ᠶᠢ ᠴᠢᠩᠭᠠᠳᠬᠠᠨ ᠡᠯ᠎ᠡ ᠠᠵᠢᠯ ᠢ ᠰᠠᠶᠢᠳᠤᠷ ᠪᠡᠶᠡᠯᠡᠭᠦᠯᠥᠨ᠎ᠡ᠃ ᠨᠢᠭᠡ ᠳᠤ᠂ ᠨᠤᠴᠢᠳᠠᠢ ᠲᠥᠭᠰᠢᠭᠦᠷᠢ ᠶᠢ ᠰᠡᠷᠭᠡᠶᠢᠯᠡᠨ ᠵᠠᠶᠢᠯᠠᠭᠤᠯᠬᠤ ᠠᠵᠢᠯ ᠢ ᠰᠢᠪᠳᠤᠯᠤᠯᠳᠠ ᠲᠠᠢ ᠰᠠᠶᠢᠳᠤᠷ ᠬᠢᠨ᠎ᠡ᠃ ᠨᠤᠴᠢᠳᠠᠢ ᠲᠥᠭᠰᠢᠭᠦᠷᠢ ᠶᠢᠨ ᠬᠢᠨᠠᠯᠳᠠ ᠭᠡᠮᠵᠢᠯᠳᠡ᠂ ᠮᠠᠭᠠᠳᠯᠠᠯ ᠲᠥᠰᠥᠭᠡᠯᠡᠯ᠂ ᠰᠡᠷᠭᠡᠶᠢᠯᠡᠯ ᠲᠥᠷᠢᠮᠵᠢᠯ ᠶᠢ ᠤᠯᠠᠮ ᠲᠡᠭᠦᠯᠳᠡᠷᠵᠢᠭᠦᠯᠵᠥ᠂ ᠲᠥᠭᠰᠢᠭᠦᠷᠢ ᠰᠡᠷᠭᠡᠶᠢᠯᠡᠭᠦ ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠭᠥᠢᠴᠡᠳ ᠠᠬᠢᠭᠤᠯᠤᠨ᠎ᠠ᠃ ᠢᠷᠡᠯᠳᠡ ᠶᠢ ᠥᠷᠭᠡᠳᠭᠡᠨ ᠠᠷᠪᠢᠯᠠᠬᠤ ᠶᠢ ᠴᠢᠩᠭᠠᠳᠬᠠᠵᠤ᠂ ᠭᠤᠤᠯᠳᠠᠯᠭᠠᠳᠤ ᠡᠳ᠋ ᠤᠨ ᠢᠷᠡᠯᠳᠡ ᠪᠠ ᠤᠷᠤᠯᠭ᠎ᠠ ᠶᠢᠨ ᠨᠡᠮᠡᠭᠳᠡᠯ ᠢ ᠭᠥᠨᠵᠡᠭᠡᠶᠢᠷᠡᠭᠦᠯᠵᠥ᠂ ᠲᠤᠰ ᠵᠢᠯ ᠳᠤ 12.54 ᠳ᠋ᠥᠩᠰᠢᠭᠤᠷ ᠲᠥᠭᠦᠷᠢᠭ  ᠤᠨ ᠵᠠᠰᠠᠭ ᠤᠨ ᠤᠷᠳᠤᠨ ᠤ ᠥᠷᠢ ᠥᠭᠴᠡᠭᠡ ᠶᠢ ᠢᠯᠭᠠᠷᠠᠭᠤᠯᠵᠤ᠂ ᠥᠷᠢ ᠶᠢᠨ ᠨᠤᠷᠮ᠎ᠠ ᠶᠢ 17% ᠪᠠᠭᠤᠷᠠᠭᠤᠯᠤᠨ᠎ᠠ᠃ ᠵᠠᠰᠠᠭ ᠤᠨ ᠤᠷᠳᠤᠨ ᠤ ᠥᠷᠢ ᠨᠡᠮᠡᠭᠳᠡᠭᠦ ᠶᠢ ᠴᠢᠩᠭ᠎ᠠ ᠰᠡᠷᠭᠡᠶᠢᠯᠡᠨ ᠡᠵᠡᠮᠳᠡᠵᠥ᠂ ︽ᠤᠳᠤᠭ ᠤᠨ ᠡᠮᠥᠨᠡᠳᠥ ᠬᠤᠰᠢᠭᠤᠨ ᠤ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠥᠷᠥᠯ ᠵᠥᠢᠯ  ᠤᠨ ᠬᠠᠮᠢᠶᠠᠷᠤᠯᠳᠠ ᠶᠢᠨ ᠠᠷᠭ᠎ᠠ︾ ᠶᠢ ᠴᠢᠩᠭ᠎ᠠ ᠭᠡᠷᠡᠭᠵᠢᠭᠦᠯᠥᠨ᠂ ᠤᠨ ᠤ ᠲᠥᠰᠥᠪ ᠲᠤ ᠤᠷᠤᠭᠤᠯᠤᠭᠰᠠᠨ ᠥᠭᠡᠢ ᠪᠤᠶᠤ ᠡᠳ᠋ ᠤᠨ ᠢᠷᠡᠯᠳᠡ ᠶᠢ ᠨᠢ ᠨᠠᠶᠢᠳᠠᠪᠤᠷᠢᠵᠢᠭᠤᠯᠤᠭᠰᠠᠨ ᠥᠭᠡᠢ ᠲᠥᠷᠥᠯ ᠵᠥᠢᠯ ᠢ ᠴᠥᠮ ᠬᠢᠨᠠᠨ ᠴᠤᠬᠤᠯᠠᠪᠤᠷᠢᠯᠠᠬᠤ ᠥᠭᠡᠢ ᠪᠥᠭᠡᠳ ᠡᠳ᠋ ᠤᠨ ᠵᠠᠰᠠᠭ ᠤᠨ ᠲᠠᠭᠠᠭᠠᠴᠠ ᠠᠴᠠ ᠭᠡᠳᠥᠷᠡᠭᠰᠡᠨ ᠲᠥᠷᠥᠯ ᠵᠥᠢᠯ ᠢ ᠡᠷᠡᠰ ᠲᠠᠳᠠᠭᠠᠯᠵᠠᠨ᠂ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠲᠥᠷᠥᠯ ᠵᠥᠢᠯ ᠢ ᠲᠤᠭᠳᠠᠮᠠᠯ ᠬᠤᠭᠤᠴᠠᠭ᠎ᠠ ᠲᠠᠢ ᠪᠠᠷ ᠴᠡᠭᠴᠡᠯᠡᠨ ᠢᠯᠭᠠᠪᠤᠷᠢᠯᠠᠵᠤ ᠲᠤᠳᠤᠳᠬᠠᠨ᠂ ᠥᠷᠢ ᠰᠢᠷᠢ ᠶᠢᠨ ᠨᠡᠮᠡᠭᠳᠡᠯ ᠢ ᠲᠠᠰᠤ ᠬᠤᠷᠢᠭᠯᠠᠨ᠎ᠠ᠃ ᠰᠢᠰᠲ᠋ᠧᠮᠴᠢ ᠴᠢᠨᠠᠷ ᠲᠠᠢ ᠪᠠ ᠨᠤᠳᠤᠭ ᠤᠷᠤᠨ ᠬᠠᠮᠤᠷᠤᠭᠰᠠᠨ ᠮᠥᠩᠭᠦᠨ ᠭᠥᠢᠯᠭᠡᠭᠡᠨ ᠤ ᠲᠥᠭᠰᠢᠭᠦᠷᠢ ᠡᠭᠦᠰᠭᠦ ᠶᠢ ᠪᠥᠳᠥᠮᠵᠢᠳᠠᠢ ᠴᠢᠩᠭ᠎ᠠ ᠬᠢᠵᠠᠭᠠᠷᠯᠠᠨ᠎ᠠ᠃ ᠬᠤᠶᠠᠷ ᠲᠤ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠢᠪᠳᠤᠯᠤᠯᠳᠠ ᠲᠠᠢ ᠰᠠᠶᠢᠳᠤᠷ ᠬᠢᠨ᠎ᠡ᠃ ︽ᠬᠤᠶᠠᠷ ᠲᠤ ᠵᠣᠪᠠᠨᠢᠯ ᠥᠭᠡᠢ᠂ ᠭᠤᠷᠪᠠ ᠳᠤ ᠪᠠᠳᠤᠯᠠᠭᠠᠳᠠᠢ︾ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠶᠤᠰᠤᠭᠠᠷ ︽ᠵᠢᠷᠭᠤᠭ᠎ᠠ ᠶᠢ ᠨᠠᠷᠢᠯᠢᠭᠵᠢᠭᠤᠯᠬᠤ︾᠂ ︽ᠲᠠᠪᠤᠨ ᠨᠢᠭᠡ ᠪᠥᠯᠥᠭ︾ ᠤᠨ ᠪᠤᠳᠠᠳᠠᠢ ᠠᠷᠭ᠎ᠠ ᠠᠪᠴᠠᠯ ᠢ ᠰᠠᠶᠢᠳᠤᠷ ᠲᠤᠤᠱᠯᠠᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠰᠢᠨ᠎ᠡ ᠲᠤᠳᠤᠯᠠᠭᠰᠠᠨ ᠶᠠᠳᠠᠭᠤ ᠭᠥᠴᠢᠷᠳᠡᠯᠳᠡᠢ ᠡᠷᠥᠭᠡ ᠶᠢ ᠲᠤᠰ ᠵᠢᠯ ᠲᠤᠳᠤᠷ᠎ᠠ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠨ᠎ᠠ᠃ ᠮᠠᠯ ᠲᠠᠷᠢᠶᠠᠯᠠᠩ ᠤᠨ ᠬᠠᠩᠭᠠᠯᠠᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠳᠠᠢ ᠥᠭᠡᠷᠡᠴᠢᠯᠡᠯᠳᠡ ᠶᠢ ᠯᠠᠪᠳᠠᠭᠤᠨ ᠠᠬᠢᠭᠤᠯᠵᠤ᠂ ᠭᠠᠴᠠᠭ᠎ᠠ ᠲᠤᠰᠬᠤᠨ ᠤ ᠨᠡᠶᠢᠳᠡ  ᠶᠢᠨ ᠠᠵᠤ ᠠᠬᠤᠢ ᠶᠢ ᠪᠤᠵᠠᠭᠠᠶᠢᠷᠠᠭᠤᠯᠤᠨ᠂ ᠠᠵᠤ ᠥᠢᠯᠡᠰ ᠢᠶᠠᠷ ᠶᠠᠳᠠᠭᠤ ᠶᠢ ᠲᠡᠳᠭᠦᠭᠦ ᠶᠢ ᠢᠯᠠᠩᠭᠤᠶ᠎ᠠ ᠴᠢᠬᠤᠯᠠᠴᠢᠯᠠᠨ᠎ᠠ᠃ ᠡᠷᠡᠭᠦᠯ ᠡᠩᠭᠡ ᠪᠠᠷ ᠶᠠᠳᠠᠭᠤ ᠶᠢ ᠲᠡᠳᠭᠦᠭᠦ ᠠᠵᠢᠯ ᠢ ᠴᠢᠬᠤᠯᠠᠴᠢᠯᠠᠨ᠂ ᠶᠠᠳᠠᠭᠤ ᠭᠥᠴᠢᠷᠳᠡᠯᠳᠡᠢ ᠡᠪᠡᠳᠴᠢᠳᠠᠳ ᠤᠨ ᠲᠠᠩᠰᠠ ᠲᠠᠶᠢᠯᠬᠤ ᠬᠠᠷᠢᠴᠠᠯ ᠢ ᠲᠡᠭᠡᠭᠰᠢᠯᠡᠭᠦᠯᠵᠤ᠂ ᠶᠠᠳᠠᠭᠤ ᠭᠥᠴᠢᠷᠳᠡᠯᠳᠡᠢ ᠭᠥᠮᠥᠨ ᠠᠮᠠ ᠶᠢᠨ ᠬᠦᠳᠡᠯᠦᠩᠭᠦᠢ ᠬᠠᠮᠢᠶᠠᠷᠤᠯᠳᠠ ᠶᠢ ᠴᠢᠩᠭᠠᠳᠬᠠᠨ᠂ ᠠᠷᠠᠳ ᠤᠯᠠᠨ ᠤ ᠭᠠᠮᠰᠢᠭ ᠠᠴᠠ ᠪᠤᠯᠵᠤ ᠶᠠᠳᠠᠭᠤᠷᠠᠬᠤ ᠪᠠ ᠡᠪᠡᠳᠴᠢᠨ ᠠᠴᠠ ᠪᠤᠯᠵᠤ ᠶᠠᠳᠠᠭᠤᠷᠠᠬᠤ ᠥᠵᠡᠭᠳᠡᠯ ᠢ ᠡᠷᠡᠰ ᠵᠤᠭᠰᠤᠭᠠᠨ᠎ᠠ᠃ ᠶᠠᠳᠠᠭᠤ ᠶᠢ ᠲᠡᠳᠭᠦᠭᠦ ᠪᠤᠯᠤᠨ ᠢᠳᠡᠭᠡᠯ ᠴᠢᠩᠭᠠᠯᠠᠬᠤ᠂ ᠮᠡᠷᠭᠡᠵᠢᠯ ᠴᠢᠩᠭᠠᠳᠬᠠᠬᠤ ᠶᠢ ᠬᠠᠮᠳᠤᠳᠠ ᠤᠶᠠᠯᠳᠤᠭᠤᠯᠤᠨ᠂ ᠶᠠᠳᠠᠭᠤ ᠭᠥᠴᠢᠷᠳᠡᠯᠳᠡᠢ ᠡᠷᠥᠭᠡ ᠶᠢᠨ ᠭᠥᠰᠡᠯ ᠵᠤᠷᠢᠭ ᠢ ᠨᠢ ᠭᠥᠭᠵᠢᠭᠡᠨ᠎ᠡ᠃ ᠭᠤᠷᠪᠠ ᠳᠤ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠢᠪᠳᠤᠯᠤᠯᠳᠠ ᠲᠠᠢ ᠰᠠᠶᠢᠳᠤᠷ ᠬᠢᠨ᠎ᠡ᠃ ︽ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠷᠪᠠᠨ ᠵᠤᠷᠪᠤᠰ ᠠᠷᠭ᠎ᠠ ᠠᠪᠴᠠᠯ︾᠂ ︽ᠤᠰᠤᠨ ᠰᠤᠷᠪᠤᠯᠵᠢ  ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠥᠯᠥᠪᠯᠡᠭᠡ ︿ᠤᠰᠤᠨ ᠠᠷᠪᠠᠨ ᠵᠤᠷᠪᠤᠰ﹀︾᠂   ︽ᠭᠠᠵᠠᠷ ᠰᠢᠷᠥᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠥᠯᠥᠪᠯᠡᠭᠡ ︿ᠭᠠᠵᠠᠷ ᠠᠷᠪᠠᠨ ᠵᠤᠷᠪᠤᠰ﹀︾᠂ ︽ᠭᠤᠤᠯ ᠤᠨ ᠲᠠᠷᠤᠭᠠᠴᠢ ᠶᠢᠨ ᠲᠥᠷᠢᠮ︾᠂ ︽ᠬᠠᠶᠠᠭᠳᠠᠮᠠᠯ ᠰᠢᠩᠭᠡᠨ ᠰᠢᠪᠡᠷ ᠢ ᠪᠤᠬᠢᠷᠳᠤᠯ ᠥᠭᠡᠢ ᠰᠢᠢᠳᠪᠥᠷᠢᠯᠡᠭᠦ ᠲᠥᠷᠢᠮ︾ ᠵᠡᠷᠭᠡ ᠱᠠᠭᠠᠷᠳᠠᠯᠭ᠎ᠠ ᠨᠤᠭᠤᠳ ᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠳ ᠤᠨ ᠲᠥᠷᠢᠮ ᠵᠥᠷᠢᠴᠡᠨ ᠪᠤᠬᠢᠷᠳᠤᠯ ᠭᠠᠳᠠᠭᠰᠢᠯᠠᠭᠤᠯᠬᠤ ᠥᠵᠡᠭᠳᠡᠯ ᠳᠤ ᠡᠷᠡᠰ ᠴᠤᠬᠢᠯᠳᠠ ᠥᠭᠴᠥ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠤᠨ ᠪᠤᠬᠢᠷᠳᠤᠯ ᠰᠡᠷᠭᠡᠶᠢᠯᠡᠯᠳᠡ ᠶᠢ ᠴᠢᠩᠭᠠᠳᠬᠠᠵᠤ᠂ ᠱᠠᠩᠬᠠᠢ ᠶᠢᠨ ᠰᠥᠮ᠎ᠡ ᠡᠨᠧᠷᠬᠢ ᠬᠢᠮᠢ ᠶᠢᠨ ᠠᠵᠤ ᠥᠢᠯᠡᠳᠪᠥᠷᠢ ᠶᠢᠨ ᠰᠠᠭᠤᠷᠢᠨ ᠤ ᠤᠯᠤᠰ ᠤᠨ ᠠᠮᠢ ᠠᠬᠤᠶᠢᠴᠢ ᠠᠵᠤ ᠥᠢᠯᠡᠳᠪᠥᠷᠢ ᠶᠢᠨ ᠲᠠᠭᠤᠷᠢᠶᠠᠯ ᠲᠤᠭᠤᠷᠢᠭ ᠤᠨ ᠪᠠᠶᠢᠭᠤᠯᠤᠯᠳᠠ ᠶᠢ ᠠᠬᠢᠭᠤᠯᠤᠨ᠎ᠠ᠃ ᠡᠯ᠎ᠡ ᠪᠠᠯᠭᠠᠰᠤᠨ ᠤ ᠪᠤᠬᠢᠷ ᠤᠰᠤ ᠬᠢᠭᠡᠳ ᠬᠤᠭ ᠨᠤᠪᠰᠢ ᠰᠢᠢᠳᠪᠥᠷᠢᠯᠡᠭᠦ ᠲᠤᠨᠤᠭ ᠲᠥᠭᠦᠭᠡᠷᠤᠮᠵᠢ ᠶᠢᠨ ᠪᠠᠶᠢᠭᠤᠯᠤᠯᠳᠠ ᠶᠢ ᠲᠥᠷᠭᠡᠳᠭᠡᠵᠥ᠂ ᠪᠡᠭᠡᠵᠢᠩ ᠲᠢᠶᠠᠨᠵᠢᠨ ᠤ ᠰᠠᠯᠬᠢ ᠰᠢᠷᠥᠢ ᠶᠢᠨ ᠡᠬᠢ ᠶᠢᠨ ᠵᠠᠰᠠᠯᠳᠠ ᠪᠠ ᠤᠯᠤᠰ ᠤᠨ ᠭᠥᠷᠥᠰᠥ ᠰᠢᠷᠥᠢ ᠶᠢᠨ ᠢᠳᠡᠭᠳᠡᠯ ᠤᠨ ᠵᠠᠰᠠᠯᠳᠠ᠂ ᠪᠠᠶᠢᠭᠠᠯᠢ ᠶᠢᠨ ᠤᠢ ᠶᠢᠨ ᠬᠠᠮᠠᠭᠠᠠᠯᠠᠯᠳᠠ ᠵᠡᠷᠭᠡ ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ ᠥᠷᠭᠦᠯᠵᠢᠳᠡ ᠰᠠᠶᠢᠳᠤᠷ ᠭᠡᠷᠡᠭᠵᠢᠭᠦᠯᠥᠨ᠂ ᠠᠮᠢ ᠠᠬᠤᠢ ᠶᠢᠨ ᠪᠤᠯᠪᠠᠰᠤᠨ ᠤ ᠲᠠᠭᠤᠷᠢᠶᠠᠯ ᠬᠤᠰᠢᠭᠤᠨ ᠤ ᠪᠠᠶᠢᠭᠤᠯᠤᠯᠳᠠ ᠶᠢ ᠲᠥᠷᠭᠡᠳᠭᠡᠨ᠎ᠡ᠃         ︵ᠬᠤᠶᠠᠷ︶ ︽ᠲᠥᠷᠥᠯ ᠵᠥᠢᠯ ᠤᠨ ᠰᠢᠪᠳᠤᠯᠤᠯᠳᠠ︾ ᠶᠢᠨ ᠠᠵᠢᠯᠯᠠᠭ᠎ᠠ ᠶᠢ ᠭᠥᠨᠵᠡᠭᠡᠢ ᠠᠬᠢᠭᠤᠯᠵᠤ᠂ ᠠᠵᠤ ᠠᠬᠤᠢ ᠶᠢᠨ ᠭᠥᠭᠵᠢᠯᠳᠡ ᠶᠢᠨ ᠰᠢᠨ᠎ᠡ ᠭᠥᠳᠡᠯᠭᠡᠭᠴᠢ ᠭᠥᠴᠥᠨ ᠢ ᠪᠤᠶᠢᠵᠢᠭᠤᠯᠤᠨ᠎ᠠ᠃ ᠪᠡᠯᠡ ᠤᠷᠤᠭᠤᠯᠤᠯᠳᠠ ᠶᠢᠨ ᠰᠢᠨ᠎ᠡ ᠬᠠᠨᠳᠤᠰᠢ ᠶᠢ ᠡᠵᠡᠮᠳᠡᠵᠥ᠂ ᠵᠠᠩᠬᠢᠯᠠᠭ᠎ᠠ ᠶᠢᠨ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠣ ᠣᠶᠢᠯᠠᠳᠪᠦᠷᠢᠯᠡᠯ ᠡᠬᠢᠯᠡᠭᠦᠯᠥᠨ᠂ ᠭᠤᠤᠯᠳᠠᠯᠭᠠᠳᠠᠢ ᠪᠠᠶᠢᠭᠤᠯᠬᠤ ᠲᠥᠷᠥᠯ ᠵᠥᠢᠯ ᠤᠨ ᠲᠠᠳᠠᠬᠤ ᠭᠥᠴᠥᠨ ᠢ ᠭᠥᠢᠴᠡᠳ ᠠᠭᠤᠳᠠᠯᠠᠨ᠎ᠠ᠃ ᠨᠢᠭᠡ ᠳᠤ ᠂ ᠲᠥᠷᠥᠯ ᠵᠥᠢᠯ ᠠᠬᠢᠭᠤᠯᠬᠤ ᠲᠤᠭᠳᠠᠴᠠ ᠶᠢ ᠴᠢᠩᠭᠠᠳᠬᠠᠨ᠎ᠠ᠃ ᠬᠠᠨᠳᠤᠰᠢ ᠶᠢ ᠪᠠᠷᠢᠮᠳᠠᠯᠠᠨ ᠭᠤᠤᠯᠳᠠᠯᠭᠠᠳᠤ ᠲᠥᠷᠥᠯ ᠵᠥᠢᠯ ᠤᠨ ᠬᠠᠷᠢᠭᠤᠴᠠᠯᠭ᠎ᠠ ᠶᠢ ᠲᠠᠭᠠᠭᠠᠴᠢᠯᠠᠨ ᠬᠤᠯᠪᠤᠭᠠᠯᠠᠬᠤ᠂ ᠲᠤᠭᠳᠠᠮᠠᠯ ᠬᠤᠭᠤᠴᠠᠭ᠎ᠠ ᠲᠠᠢ ᠪᠠᠷ ᠵᠤᠬᠢᠴᠠᠭᠤᠯᠬᠤ᠂ ᠪᠥᠷᠢᠳᠭᠡᠯ ᠲᠠᠢ ᠬᠠᠮᠢᠶᠠᠷᠬᠤ ᠠᠵᠢᠯ ᠤᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠥ᠂ ᠵᠥᠪᠰᠢᠶᠡᠷᠡᠯ ᠤᠯᠤᠭᠰᠠᠨ ᠲᠥᠷᠥᠯ ᠵᠥᠢᠯ ᠢ ᠡᠬᠢᠯᠡᠭᠦᠯᠭᠦ ᠪᠠ ᠰᠡᠷᠭᠦᠭᠡᠭᠦ ᠠᠯᠬᠤᠮ ᠢ ᠲᠥᠷᠭᠡᠳᠭᠡᠵᠥ᠂ ᠴᠤᠬᠤᠯᠠᠪᠤᠷᠢᠯᠠᠭᠳᠠᠭᠠᠳᠥᠢ ᠲᠥᠷᠥᠯ ᠵᠥᠢᠯ ᠤᠨ ᠨᠢᠭᠡᠴᠡ ᠶᠢ ᠰᠢᠪᠠᠳᠠᠨ ᠲᠥᠯᠥᠪᠵᠢᠭᠦᠯᠭᠦ᠂ ᠭᠠᠵᠠᠷ ᠲᠠᠳᠠᠪᠤᠷᠢᠯᠠᠬᠤ᠂ ᠤᠷᠴᠢᠨ ᠲᠤᠭᠤᠷᠢᠨ ᠤ ᠥᠨᠡᠯᠡᠯᠳᠡ ᠵᠡᠷᠭᠡ ᠡᠮᠥᠨ᠎ᠡ ᠬᠤᠭᠤᠴᠠᠭᠠᠨ ᠤ ᠠᠵᠢᠯ ᠢ ᠱᠠᠯᠠᠪᠳᠠᠭᠤᠯᠵᠤ᠂ ᠬᠤᠭᠤᠴᠠᠭ᠎ᠠ ᠶᠤᠰᠤᠭᠠᠷ ᠠᠵᠢᠯ ᠡᠬᠢᠯᠡᠭᠦ ᠶᠢ ᠨᠢ ᠪᠠᠳᠤᠯᠠᠨ᠎ᠠ᠃ ᠪᠥᠳᠥᠭᠡᠨ ᠪᠠᠶᠢᠭᠤᠯᠤᠯᠳᠠ ᠶᠢᠨ ᠴᠢᠬᠤᠯᠠ ᠲᠥᠷᠥᠯ ᠵᠥᠢᠯ ᠤᠨ ᠭᠥᠮᠥᠷᠭᠡ ᠶᠢ ᠢᠳᠡᠪᠬᠢᠳᠡᠢ ᠪᠠᠷ ᠲᠣᠬᠢᠷᠠᠭᠤᠯᠣᠨ ᠲᠡᠭᠦᠯᠳᠡᠷᠵᠢᠭᠦᠯᠵᠥ ᠪᠥᠷᠢᠨᠰᠢᠭᠦᠯᠥᠨ᠂ ᠪᠡᠯᠡᠳᠭᠡᠯ ᠲᠥᠷᠥᠯ ᠵᠥᠢᠯ ᠤᠳ ᠢ ᠪᠤᠯᠪᠠᠰᠤᠷᠠᠩᠭᠤᠢ ᠪᠤᠯᠭᠠᠵᠤ᠂ ︽ᠨᠢᠭᠡ ᠪᠥᠯᠥᠭ ᠢ ᠨᠢ ᠲᠠᠭᠤᠰᠬᠠᠵᠤ᠂ ᠨᠢᠭᠡ ᠪᠥᠯᠥᠭ ᠢ ᠨᠢ ᠡᠬᠢᠯᠡᠭᠦᠯᠤᠨ᠂ ᠨᠢᠭᠡ ᠪᠥᠯᠥᠭ ᠢ ᠨᠢ ᠪᠡᠯᠡᠳᠭᠡᠵᠥ᠂ ᠨᠢᠭᠡ ᠪᠥᠯᠥᠭ ᠢ ᠨᠢ ᠲᠤᠭᠳᠠᠭᠠᠬᠤ︾ ᠵᠤᠬᠢᠴᠠᠯᠳᠤ ᠲᠤᠭᠳᠠᠴᠠ ᠶᠢ ᠪᠥᠷᠢᠳᠥᠭᠦᠯᠥᠨ᠎ᠡ᠃ ᠬᠤᠶᠠᠷ ᠲᠤ᠂ ᠪᠦᠳᠦᠮᠵᠢᠳᠠᠢ ᠪᠡᠯᠡ ᠣᠷᠣᠭᠤᠯᠣᠯᠳᠠ ᠶᠢ ᠦᠷᠭᠦᠯᠵᠢᠯᠡᠨ ᠦᠷᠭᠡᠳᠬᠡᠨ᠎ᠡ᠃ 240 ᠳ᠋ᠦᠩᠰᠢᠭᠤᠷ ᠲᠦᠭᠦᠷᠢᠭ ᠪᠡᠯᠡ ᠣᠷᠣᠭᠤᠯᠣᠨ᠂ 155 ᠲᠦᠷᠦᠯ ᠵᠣᠶᠢᠯ ᠢ ᠬᠡᠷᠡᠭᠵᠢᠭᠦᠯᠦᠨ᠎ᠡ᠃ ᠡᠬᠦᠨ ᠳᠤ᠂ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠲᠦᠷᠦᠯ ᠵᠣᠶᠢᠯ ᠢ 48 ᠬᠡᠷᠡᠭᠵᠢᠭᠦᠯᠵᠣ᠂ ᠪᠦᠬᠦ ᠵᠢᠯ ᠳᠤ 228.38 ᠳ᠋ᠦᠩᠰᠢᠭᠤᠷ ᠲᠦᠭᠦᠷᠢᠭ ᠪᠡᠯᠡ ᠣᠷᠣᠭᠤᠯᠬᠤ ᠪᠠᠷ ᠴᠢᠷᠮᠡᠶᠢᠨ᠎ᠡ᠃ 23 ᠠᠵᠣ ᠣᠶᠢᠯᠠᠳᠪᠦᠷᠢ ᠶᠢᠨ ᠴᠢᠬᠤᠯᠠ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠬᠡᠳᠬᠡᠵᠣ᠂ ᠱᠠᠨᠳᠦ᠋ᠩ ᠤᠨ ᠱᠧᠩ ᠯᠦ ᠴᠠᠬᠢᠯᠭᠠᠨ ᠣᠶᠢᠯᠠᠳᠪᠦᠷᠢ ᠪᠠᠶᠢᠭᠤᠯᠣᠯᠳᠠ ᠶᠢ ᠠᠬᠢᠭᠤᠯᠵᠣ᠂ ᠤᠯᠤᠰ ᠤᠨ ᠴᠠᠬᠢᠯᠭᠠᠨ ᠪᠥᠯᠥᠭᠯᠡᠯ  ᠤᠨ ᠱᠤᠸᠠᠩ ᠸᠧᠢ ᠪᠣᠯᠣᠨ ᠤᠮᠠᠷᠠᠳᠤ ᠶᠢᠨ ᠬᠤᠯᠪᠤᠭᠠᠳᠤ ᠴᠠᠬᠢᠯᠭᠠᠨ ᠭᠥᠴᠥᠨ ᠤ ᠴᠠᠩ ᠴᠧᠩ ᠴᠠᠬᠢᠯᠭᠠᠨ ᠣᠶᠢᠯᠠᠳᠪᠦᠷᠢ ᠶᠢ ᠲᠡᠭᠡᠷ᠎ᠡ ᠬᠠᠭᠠᠰ ᠵᠢᠯ ᠳᠤ ᠪᠠᠷᠢᠯᠭ᠎ᠠ ᠡᠬᠢᠯᠡᠭᠦᠯᠦᠨ᠂ ᠱᠧᠨ ᠬᠤᠸᠠ ᠶᠢᠨ ᠤᠯᠤᠰ ᠤᠨ ᠡᠨᠧᠷᠬᠢ ᠶᠢᠨ ᠴᠠᠬᠢᠯᠭᠠᠨ ᠥᠢᠯᠡᠳᠪᠥᠷᠢ ᠶᠢ ᠵᠢᠯ ᠤᠨ ᠲᠣᠳᠣᠷ᠎ᠠ ᠵᠦᠪᠰᠢᠶᠡᠷᠡᠭᠦᠯᠦᠨ᠎ᠡ︔ ᠬᠤᠸᠠ ᠰᠢᠩ ᠤᠨ ᠨᠡᠭᠦᠷᠡᠰᠦ ᠪᠠᠷ ᠬᠡᠢ ᠣᠶᠢᠯᠡᠳᠬᠦ ᠲᠥᠷᠥᠯ ᠵᠥᠢᠯ ᠢ ᠵᠢᠯ ᠤᠨ ᠲᠣᠳᠣᠷ᠎ᠠ ᠪᠠᠷᠢᠯᠭ᠎ᠠ ᠡᠬᠢᠯᠡᠬᠦᠯᠬᠦ ᠨᠦᠬᠦᠴᠡᠯ ᠪᠦᠷᠢᠯᠳᠦᠭᠦᠯᠦᠨ᠎ᠡ︔ ᠨᠡᠭᠦᠷᠡᠰᠣᠨ ᠴᠠᠬᠢᠯᠭᠠᠨ ᠤ ᠲᠦᠷᠦᠯ ᠵᠣᠶᠢᠯ ᠤᠨ ᠡᠬᠢ ᠰᠣᠷᠪᠣᠯᠵᠢ ᠶᠢᠨ ᠲᠦᠬᠦᠷᠵᠢᠭᠦᠯᠦᠯᠳᠡ ᠶᠢ ᠵᠣᠬᠢᠴᠠᠭᠤᠯᠣᠨ ᠠᠬᠢᠭᠤᠯᠵᠣ᠂ ᠴᠠᠩ ᠴᠧᠩ 1᠂ 3᠂ 5᠂ 6 ᠨᠣᠮᠧᠷᠳᠦ ᠨᠡᠭᠦᠷᠡᠰᠣᠨ ᠠᠭᠤᠷᠬᠠᠢ  ᠶᠢᠨ ᠲᠦᠷᠦᠯ ᠵᠣᠶᠢᠯ ᠪᠣᠭᠤᠮᠢ ᠬᠢᠵᠠᠭᠠᠷᠯᠠᠯ ᠢ ᠰᠢᠪᠳᠣᠯᠣᠨ᠂ ᠠᠵᠣ ᠣᠶᠢᠯᠠᠳᠪᠦᠷᠢ ᠶᠢᠨ ᠲᠦᠷᠦᠯ ᠵᠣᠶᠢᠯ ᠤᠨ ᠪᠡᠯᠡ ᠣᠷᠣᠭᠤᠯᠣᠯᠳᠠ ᠶᠢ 165 ᠳ᠋ᠦᠩᠰᠢᠭᠤᠷ ᠲᠦᠭᠦᠷᠢᠭ ᠠᠴᠠ ᠲᠡᠭᠡᠭᠰᠢ ᠪᠡᠶᠡᠯᠡᠭᠦᠯᠦᠨ᠎ᠡ᠃ 58 ᠲᠦᠷᠦᠯ ᠤᠨ ᠰᠠᠭᠤᠷᠢ ᠲᠦᠬᠦᠭᠡᠷᠦᠮᠵᠢ ᠶᠢᠨ ᠲᠦᠷᠦᠯ ᠵᠣᠶᠢᠯ ᠢ ᠡᠮᠬᠢ ᠵᠢᠷᠣᠮ ᠲᠠᠢ ᠬᠡᠷᠡᠭᠵᠢᠭᠦᠯᠵᠣ᠂ ᠲᠤᠯᠢ  ᠠᠴᠠ ᠱᠠᠩᠬᠠᠢ ᠶᠢᠨ ᠰᠥᠮ᠎ᠡ ᠭᠥᠷᠭᠦ ᠲᠡᠮᠤᠷ ᠵᠠᠮ ᠤᠨ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠭᠡᠰᠡᠭ᠂ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠠᠮᠣᠷ ᠵᠠᠮ ᠢ ᠲᠡᠭᠡᠷ᠎ᠡ ᠬᠠᠭᠠᠰ ᠵᠢᠯ ᠲᠤ ᠪᠠᠷᠢᠯᠭ᠎ᠠ ᠡᠬᠢᠯᠡᠭᠦᠯᠵᠣ᠂ ᠲᠠᠬᠢᠯᠳᠦ ᠠᠴᠠ ᠪᠣᠷᠣᠪᠠᠯᠭᠠᠰᠦ᠂ ᠨᠠᠩᠰᠦ ᠠᠴᠠ ᠪᠣᠷᠣᠪᠠᠯᠭᠠᠰᠦ ᠬᠦᠷᠬᠦ ᠵᠢᠭᠤᠯᠴᠢᠯᠠᠯ ᠤᠨ ᠲᠣᠰᠬᠠᠢ ᠱᠣᠭᠤᠮ ᠪᠣᠯᠣᠨ ᠣᠯᠵᠠᠴᠢ ᠠᠴᠠ ᠲᠣᠯᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠵᠠᠰᠠᠵᠣ ᠲᠠᠭᠤᠰᠬᠠᠨ᠎ᠠ︔ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ  ᠲᠦᠷᠭᠡᠨ ᠵᠠᠮ᠂ ᠱᠠᠩᠬᠠᠢ ᠶᠢᠨ ᠰᠦᠮ᠎ᠡ ᠠᠴᠠ ᠦᠵᠦᠭᠦᠷ ᠪᠠᠯᠭᠠᠰᠦ ᠬᠦᠷᠬᠦ ᠵᠠᠰᠠᠮᠠᠯ ᠵᠠᠮ ᠵᠢᠴᠢ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠢ ᠠᠰᠢᠭᠯᠠᠯᠳᠠ ᠳᠤ ᠣᠷᠣᠭᠤᠯᠵᠣ᠂ ᠰᠠᠭᠤᠷᠢ ᠲᠦᠬᠦᠭᠡᠷᠦᠮᠵᠢ ᠶᠢᠨ ᠲᠦᠷᠦᠯ ᠵᠣᠶᠢᠯ ᠤᠨ ᠪᠡᠯᠡ ᠣᠷᠣᠭᠤᠯᠣᠯᠳᠠ ᠶᠢ 62 ᠳ᠋ᠦᠩᠰᠢᠭᠤᠷ ᠲᠦᠭᠦᠷᠢᠭ ᠠᠴᠠ ᠲᠡᠭᠡᠭᠰᠢ ᠪᠡᠶᠡᠯᠡᠭᠦᠯᠦᠨ᠎ᠡ᠃ ᠪᠡᠭᠡᠵᠢᠩ ᠲᠢᠶᠠᠨᠵᠢᠨ ᠤ ᠰᠠᠯᠬᠢ ᠰᠢᠷᠥᠢ ᠶᠢᠨ ᠡᠬᠢ ᠶᠢᠨ ᠵᠠᠰᠠᠯᠳᠠ ᠪᠠ ᠤᠯᠤᠰ ᠤᠨ ᠭᠥᠷᠥᠰᠥ ᠰᠢᠷᠥᠢ  ᠶᠢᠨ ᠢᠳᠡᠭᠳᠡᠯ ᠤᠨ ᠵᠠᠰᠠᠯᠳᠠ᠂ ᠪᠠᠶᠢᠭᠠᠯᠢ ᠶᠢᠨ ᠤᠢ ᠶᠢᠨ ᠬᠠᠮᠠᠭᠠᠠᠯᠠᠯᠳᠠ ᠵᠡᠷᠭᠡ ᠭᠤᠤᠯᠳᠠᠯᠭᠠᠳᠤ ᠠᠮᠢ ᠠᠬᠤᠢ ᠶᠢᠨ ᠲᠦᠷᠦᠯ ᠵᠣᠶᠢᠯ ᠢ ᠰᠠᠶᠢᠳᠦᠷ ᠠᠳᠬᠤᠵᠣ᠂  ᠶᠢᠨ ᠸᠧᠢ ᠹᠦ᠋ ᠷᠧᠨ᠂ ᠮᠧᠩ ᠯᠢ᠂ ᠾᠧᠩ ᠺᠧ ᠵᠡᠷᠭᠡ ᠭᠤᠣᠯᠳᠠᠯᠭᠠᠳᠦ ᠮᠠᠯ ᠲᠠᠷᠢᠶᠠᠯᠠᠩ ᠤᠨ ᠠᠵᠣ ᠣᠶᠢᠯᠠᠰ ᠤᠨ ᠲᠦᠷᠦᠯ ᠵᠣᠶᠢᠯ ᠢ ᠪᠦᠬᠦ ᠬᠦᠴᠦᠨ ᠢᠶᠠᠷ ᠲᠡᠮᠵᠢᠨ᠎ᠡ᠃     ︽1 + 6︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠭᠠᠵᠠᠷ ᠤᠨ ᠲᠦᠬᠦᠷᠴᠢᠯᠡᠭᠰᠡᠨ ᠲᠦᠬᠦᠭᠡᠷᠦᠮᠵᠢ᠂ ᠪᠣᠷᠣᠪᠠᠯᠭᠠᠰᠦ ᠶᠢᠨ ᠣᠨᠴᠠᠯᠢᠭᠳᠦ ᠪᠠᠯᠭᠠᠰᠦ ᠵᠡᠷᠭᠡ ᠲᠦᠷᠦᠯ ᠵᠣᠶᠢᠯ ᠤᠨ ᠠᠬᠢᠴᠠ ᠶᠢ ᠲᠦᠷᠭᠡᠳᠬᠡᠨ᠎ᠡ᠃ ᠠᠷᠠᠳ ᠤᠨ ᠪᠡᠯᠡ ᠣᠷᠣᠭᠤᠯᠣᠯᠳᠠ ᠶᠢ ᠪᠦᠳᠦᠮᠵᠢᠳᠡᠢ ᠣᠷᠮᠠᠰᠢᠭᠤᠯᠣᠨ᠂ ᠠᠷᠠᠳ ᠤᠨ ᠬᠦᠷᠦᠩᠭᠡ ᠶᠢᠨ ᠬᠠᠣᠯᠢ ᠶᠣᠰᠣᠭᠠᠷ ᠨᠡᠩ ᠣᠯᠠᠨ ᠬᠦᠷᠢᠶ᠎ᠡ ᠬᠡᠪᠴᠢᠶᠠᠨ ᠳᠤ ᠣᠷᠣᠬᠤ ᠶᠢ ᠲᠡᠮᠵᠢᠵᠣ᠂ ᠠᠷᠠᠳ ᠤᠨ ᠪᠡᠯᠡ ᠣᠷᠣᠭᠤᠯᠣᠯᠳᠠ ᠶᠢᠨ ᠵᠣᠬᠢᠰᠳᠠᠢ ᠨᠡᠮᠡᠭᠳᠡᠯ ᠢ ᠠᠬᠢᠭᠤᠯᠣᠨ᠎ᠠ᠃ ᠭᠤᠷᠪᠠ ᠳᠤ᠂ ᠲᠦᠷᠦᠯ ᠵᠣᠶᠢᠯ ᠢᠶᠠᠷ ᠠᠷᠠᠯᠵᠢᠶᠠᠴᠢᠨ ᠣᠷᠢᠨ ᠪᠡᠯᠡ ᠲᠠᠳᠠᠬᠤ ᠵᠠᠮ ᠮᠦᠷ ᠢ ᠦᠷᠭᠡᠳᠬᠡᠨ᠎ᠡ᠃ ᠠᠷᠠᠯᠵᠢᠶᠠᠴᠢᠨ ᠣᠷᠢᠵᠣ ᠪᠡᠯᠡ ᠲᠠᠳᠠᠬᠤ ᠡᠷᠴᠢᠮ ᠢᠶᠠᠨ ᠴᠢᠩᠭᠠᠳᠬᠠᠵᠣ᠂ ᠭᠤᠣᠯᠳᠠᠯᠭᠠᠳᠦ ᠠᠵᠣ ᠣᠶᠢᠯᠠᠰ ᠪᠣᠯᠣᠨ ᠠᠵᠣ ᠠᠬᠤᠶᠢᠯᠠᠯ ᠤᠨ ᠲᠣᠭᠤᠷᠢᠭ ᠲᠤ ᠨᠢᠭᠡ ᠪᠦᠯᠦᠭ ᠲᠡᠰᠵᠢᠭᠰᠡᠨ᠂ ᠬᠡᠯᠬᠢᠶᠡᠵᠢᠭᠰᠡᠨ᠂ ᠣᠷᠳᠣᠰᠬᠠᠨ ᠨᠦᠬᠦᠪᠦᠷᠢᠯᠡᠬᠦ ᠲᠦᠷᠦᠯ ᠵᠣᠶᠢᠯ ᠢ ᠢᠳᠡᠪᠬᠢᠳᠡᠢ ᠣᠷᠣᠭᠤᠯᠣᠨ᠎ᠠ᠃ ᠣᠯᠣᠰ᠂ ᠣᠷᠣᠨ᠂ ᠬᠤᠳᠠ ᠶᠢᠨ ᠭᠤᠣᠯᠳᠠᠯᠭᠠᠳᠦ ᠣᠷᠣᠨ ᠬᠡᠪᠴᠢᠶᠡᠨ ᠳᠠᠬᠢ ᠲᠦᠰᠦᠪ ᠤᠨ ᠪᠡᠯᠡ ᠬᠢᠬᠡᠳ ᠠᠵᠣ ᠣᠶᠢᠯᠠᠰ ᠤᠨ ᠰᠠᠭᠤᠷᠢ ᠮᠦᠩᠭᠦ ᠶᠢ ᠡᠵᠡᠮᠳᠡᠵᠣ᠂ ᠭᠤᠣᠯᠳᠠᠯᠭᠠᠳᠦ ᠲᠦᠷᠦᠯ ᠵᠣᠶᠢᠯ  ᠢ ᠵᠣᠬᠢᠰᠳᠠᠢ ᠲᠣᠬᠢᠷᠠᠭᠤᠯᠣᠨ᠂ ᠲᠦᠷᠦᠯ ᠵᠣᠶᠢᠯ ᠤᠨ ᠡᠮᠦᠨ᠎ᠡ ᠬᠤᠭᠤᠴᠠᠭᠠᠨ ᠤ ᠠᠵᠢᠯ ᠪᠣᠯᠣᠨ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠰᠠᠶᠢᠳᠦᠷ ᠬᠢᠨ᠎ᠡ᠃ PPP ᠪᠡᠯᠡ ᠬᠤᠷᠠᠮᠳᠣᠭᠤᠯᠬᠤ ᠵᠠᠭᠪᠣᠷ ᠢ ᠲᠦᠭᠡᠮᠡᠯᠵᠢᠭᠦᠯᠵᠣ᠂ ᠠᠷᠠᠳ ᠤᠨ ᠪᠡᠯᠡ ᠮᠦᠩᠭᠦ ᠶᠢᠨ ᠠᠵᠣ ᠣᠶᠢᠯᠠᠰ᠂ ᠰᠠᠭᠤᠷᠢ ᠲᠦᠬᠦᠭᠡᠷᠦᠮᠵᠢ᠂ ᠨᠡᠶᠢᠭᠡᠮ ᠤᠨ ᠣᠶᠢᠯᠠᠰ ᠵᠡᠷᠭᠡ ᠬᠦᠷᠢᠶ᠎ᠡ ᠬᠡᠪᠴᠢᠶᠡᠨ ᠳᠤ ᠣᠷᠣᠬᠤ ᠶᠢ  ᠲᠡᠮᠵᠢᠵᠣ᠂ ᠠᠵᠣ ᠣᠶᠢᠯᠠᠰ ᠤᠨ ᠰᠠᠭᠤᠷᠢ ᠮᠦᠩᠭᠦ ᠶᠢᠨ ᠠᠷᠠᠳ ᠤᠨ ᠬᠦᠷᠦᠩᠭᠡ ᠶᠢᠨ ᠲᠠᠶᠢᠴᠢᠯᠠᠬᠤ ᠣᠶᠢᠯᠠᠳᠣᠯ ᠢ ᠪᠠᠳᠠᠷᠠᠭᠤᠯᠣᠨ᠎ᠠ᠃     ︵ᠭᠤᠷᠪᠠ︶ ᠬᠦᠭᠵᠢᠯᠳᠡ ᠶᠢᠨ ᠬᠡᠯᠪᠡᠷᠢ ᠶᠢᠨ ᠬᠤᠪᠢᠷᠠᠯᠳᠠ ᠶᠢ ᠲᠦᠷᠭᠡᠳᠬᠡᠵᠣ᠂ ᠠᠵᠣ ᠣᠶᠢᠯᠠᠰ ᠤᠨ ᠲᠡᠰᠵᠢᠯ ᠢ ᠲᠡᠭᠡᠭᠰᠢᠯᠡᠭᠦᠯᠦᠨ᠎ᠡ᠃ ᠶᠡᠷᠦᠩᠬᠡᠢ ᠬᠡᠷᠡᠭᠴᠡᠭᠡ ᠶᠢ ᠲᠣᠬᠢᠷᠠᠮᠵᠢᠳᠠᠢ ᠦᠷᠭᠡᠳᠬᠡᠬᠦ ᠶᠢᠨ ᠬᠠᠮᠳᠦ ᠡᠬᠢ ᠰᠣᠷᠪᠣᠯᠵᠢ ᠶᠢᠨ ᠲᠦᠬᠦᠷᠴᠢᠯᠡᠯᠳᠡ ᠶᠢ ᠰᠢᠯᠢᠳᠡᠭᠵᠢᠭᠦᠯᠵᠣ᠂ ᠬᠠᠩᠭᠠᠯᠭ᠎ᠠ ᠶᠢᠨ ᠪᠦᠳᠦᠮᠵᠢᠳᠦ ᠴᠢᠨᠠᠷ  ᠢ ᠲᠡᠭᠡᠭᠰᠢᠯᠡᠭᠦᠯᠦᠨ᠎ᠡ᠃ ᠨᠢᠭᠡ ᠳᠤ ᠣᠯᠠᠮᠵᠢᠯᠡᠯᠳᠦ ᠠᠵᠣ ᠣᠶᠢᠯᠠᠰ ᠢ ᠲᠡᠰ ᠲᠠᠪᠰᠢᠭᠤᠯᠣᠨ ᠰᠢᠯᠢᠳᠡᠭᠵᠢᠭᠦᠯᠦᠨ᠎ᠡ︔ ᠬᠦᠳᠡᠭᠡ ᠨᠣᠳᠤᠭ ᠢ ᠬᠦᠴᠦᠷᠭᠡᠭᠵᠢᠭᠦᠯᠬᠦ ᠪᠠᠶᠢᠯᠳᠣᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ︽ᠲᠡᠰ ᠴᠢᠨᠠᠷᠳᠦ ᠮᠡᠯ ᠲᠠᠷᠢᠶᠠᠯᠠᠩ᠂ ᠬᠡᠪ ᠴᠢᠨᠰᠠᠭᠠᠳᠦ ᠮᠠᠯᠵᠢᠬᠤ ᠲᠠᠷᠢᠶᠠᠯᠠᠬᠤ ᠣᠷᠣᠨ᠂ ᠪᠣᠯᠪᠠᠰᠣᠷᠠᠯ ᠰᠠᠶᠢᠳᠠᠢ ᠮᠠᠯᠴᠢᠨ ᠲᠠᠷᠢᠶᠠᠴᠢᠨ︾ ᠤ ᠴᠣᠭᠴᠠᠯᠠᠯᠳᠠ ᠶᠢ ᠭᠦᠨᠵᠡᠭᠡᠢ ᠦᠷᠭᠡᠳᠬᠡᠵᠣ᠂ ᠮᠠᠯ ᠲᠠᠷᠢᠶᠠᠯᠠᠩ ᠤᠨ ᠲᠠᠷᠢᠵᠣ ᠲᠡᠵᠢᠭᠡᠬᠦ ᠪᠦᠳᠦᠴᠠ ᠶᠢ ᠰᠢᠯᠢᠳᠡᠭᠵᠢᠭᠦᠯᠦᠨ᠂ ᠲᠣᠰ ᠵᠢᠯ ᠳᠤ 1.5 ᠲᠦᠮᠡᠨ ᠮᠣ᠋ ᠣᠨᠴᠠᠯᠢᠭᠳᠦ ᠠᠵᠣ ᠠᠬᠤᠢ ᠶᠢᠨ ᠲᠠᠷᠢᠮᠠᠯ᠂ 2 ᠲᠦᠮᠡᠨ ᠮᠣ᠋ ᠴᠢᠨᠠᠷ ᠰᠠᠶᠢᠳᠠᠢ ᠲᠡᠵᠢᠭᠡᠯ ᠪᠣᠷᠳᠣᠭᠠᠨ ᠤ ᠲᠠᠷᠢᠮᠠᠯ ᠢ ᠨᠡᠮᠡᠭᠳᠡᠭᠦᠯᠦᠨ᠎ᠡ᠃ ᠮᠠᠯᠴᠢᠨ ᠲᠠᠷᠢᠶᠠᠴᠢᠨ ᠬᠢᠭᠡᠳ ᠠᠵᠣ ᠠᠬᠤᠶᠢᠯᠠᠯ ᠤᠨ ᠠᠰᠢᠭ ᠲᠣᠰᠠ ᠶᠢᠨ ᠬᠤᠯᠪᠣᠭᠠᠯᠠᠯ ᠢ ᠭᠦᠨᠵᠡᠭᠡᠶᠢᠷᠡᠭᠦᠯᠵᠣ᠂ ᠨᠠᠷᠢᠯᠢᠭ ᠡᠳ᠋ᠰᠢᠭᠦᠯᠦᠯᠳᠡ ᠶᠢ ᠬᠦᠭᠵᠢᠭᠦᠯᠦᠨ᠂ ᠨᠡᠷᠡᠳᠦ ᠲᠡᠮᠳᠡᠭ ᠢ ᠪᠣᠶᠢᠵᠢᠭᠤᠯᠵᠣ᠂ ᠶᠠᠰᠣ ᠴᠢᠨᠠᠷ ᠢ ᠲᠡᠭᠡᠭᠰᠢᠯᠡᠭᠦᠯᠦᠨ᠂ ︽ᠬᠡᠪᠴᠢᠶᠡᠵᠢᠯᠳᠠ᠂ ᠠᠵᠣ ᠣᠶᠢᠯᠠᠰᠵᠢᠯᠳᠡ᠂ ᠵᠣᠬᠢᠶᠠᠨ ᠪᠠᠶᠢᠭᠤᠯᠣᠯᠳᠠ᠂ ᠨᠡᠷᠡᠳᠦ ᠲᠡᠮᠳᠡᠭᠵᠢᠯᠡᠯᠳᠡ᠂ ᠵᠠᠬ᠎ᠠ ᠲᠡᠯᠭᠡᠭᠦᠷᠵᠢᠯᠡᠯᠳᠡ᠂ ᠪᠠᠷᠢᠮᠵᠢᠶᠠᠴᠢᠯᠠᠯᠳᠠ︾ ᠪᠠᠷ ᠣᠨᠴᠠᠯᠢᠭ ᠪᠣᠯᠭᠠᠭᠰᠠᠨ ᠣᠳᠦ ᠦᠶ᠎ᠡ ᠶᠢᠨ ᠮᠠᠯ ᠲᠠᠷᠢᠶᠠᠯᠠᠩ ᠤᠨ ᠵᠠᠭᠪᠣᠷ ᠢ ᠪᠦᠷᠢᠯᠳᠦᠭᠦᠯᠦᠨ᠎ᠡ᠃ ᠣᠯᠠᠨ ᠡᠰᠢᠳᠦ ᠬᠦᠭᠵᠢᠯᠳᠡ ᠶᠢ ᠪᠠᠷᠢᠮᠳᠠᠯᠠᠨ᠂ ᠠᠵᠣ ᠣᠶᠢᠯᠠᠳᠪᠦᠷᠢ ᠶᠢᠨ ᠲᠣᠮᠣ ᠲᠦᠷᠦᠯ ᠵᠣᠶᠢᠯ ᠤᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠳᠬᠤᠵᠣ᠂ ᠨᠡᠭᠦᠷᠡᠰᠦ᠂ ᠨᠡᠭᠦᠷᠡᠰᠣᠨ ᠴᠠᠬᠢᠯᠭᠠᠨ᠂ ᠨᠡᠭᠦᠷᠡᠰᠣᠨ ᠬᠢᠮᠢ᠂ ᠴᠢᠯᠭᠠᠣᠨ ᠲᠣᠰᠣ ᠰᠢᠳᠠᠮᠠᠬᠠᠢ ᠬᠡᠢ ᠵᠡᠷᠭᠡ ᠠᠵᠣ ᠣᠶᠢᠯᠠᠰ ᠤᠨ ᠬᠦᠭᠵᠢᠯᠳᠡ ᠶᠢ ᠦᠷᠭᠦᠯᠵᠢᠯᠡᠨ ᠠᠬᠢᠭᠤᠯᠵᠣ᠂ ᠣᠯᠠᠨ ᠲᠣᠶᠢᠯᠳᠦ ᠲᠣᠯᠭᠠᠭᠤᠷᠢᠯᠠᠯ᠂ ᠣᠯᠠᠨ ᠡᠰᠢᠳᠦ ᠬᠦᠭᠵᠢᠯᠳᠡ ᠲᠠᠢ ᠰᠢᠨ᠎ᠡ ᠬᠡᠯᠪᠡᠷᠢ ᠶᠢᠨ ᠠᠵᠣ ᠣᠶᠢᠯᠠᠳᠪᠦᠷᠢ ᠶᠢᠨ ᠬᠦᠭᠵᠢᠯᠳᠡ ᠶᠢᠨ ᠪᠠᠶᠢᠳᠠᠯ ᠢ ᠪᠣᠢ ᠪᠣᠯᠭᠠᠨ᠎ᠠ᠃ ᠬᠤᠶᠠᠷ ᠲᠤ᠂ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠠᠵᠣ ᠣᠶᠢᠯᠠᠰ ᠢ ᠪᠣᠶᠢᠵᠢᠭᠤᠯᠣᠨ ᠪᠣᠵᠠᠭᠠᠶᠢᠷᠠᠭᠤᠯᠣᠨ᠎ᠠ᠃ ᠰᠢᠨ᠎ᠡ ᠡᠨᠧᠷᠬᠢ᠂ ᠡᠭᠦᠯᠡᠨ ᠪᠣᠳᠣᠯᠳᠠ᠂ ᠡᠨᠧᠷᠬᠢ ᠠᠷᠪᠢᠯᠠᠨ ᠣᠷᠴᠢᠨ ᠬᠠᠮᠠᠭᠠᠯᠠᠬᠤ᠂ ᠮᠣᠩᠭᠤᠯ ᠬᠢᠳᠡᠳ ᠡᠮ ᠡᠮᠨᠡᠯᠭᠡ ᠵᠡᠷᠭᠡ ᠪᠠᠶᠢᠯᠳᠣᠬᠤ ᠪᠣᠳᠣᠯᠭ᠎ᠠ ᠶᠢᠨ ᠴᠢᠨᠠᠷᠳᠢ ᠰᠢᠨ᠎ᠡ ᠠᠵᠣ ᠣᠶᠢᠯᠠᠰ ᠢ ᠪᠣᠵᠠᠭᠠᠶᠢᠷᠠᠭᠤᠯᠵᠣ᠂ ᠱᠠᠩᠬᠠᠢ ᠶᠢᠨ ᠰᠦᠮ᠎ᠡ ᠠᠴᠠ ᠱᠠᠨᠳᠦ᠋ᠩ ᠬᠦᠷᠬᠦ ᠴᠠᠬᠢᠯᠭᠠᠨ ᠲᠠᠮᠵᠢᠭᠤᠯᠬᠤ ᠱᠣᠭᠤᠮ ᠲᠠᠢ ᠲᠦᠬᠦᠷᠴᠢᠯᠡᠭᠰᠡᠨ ᠰᠢᠨ᠎ᠡ ᠡᠨᠧᠷᠬᠢ ᠶᠢᠨ ᠰᠠᠭᠤᠷᠢᠨ ᠢ ᠮᠠᠨ ᠤ ᠬᠤᠰᠢᠭᠤᠨ ᠳᠤ ᠪᠠᠶᠢᠭᠤᠯᠵᠣ᠂ ᠵᠠᠨᠠᠷ ᠤᠨ ᠬᠡᠢ᠂ ᠨᠡᠭᠦᠷᠡᠰᠣᠨ ᠲᠠᠪᠬᠤᠷᠭ᠎ᠠ ᠶᠢᠨ ᠬᠡᠢ ᠵᠡᠷᠭᠡ ᠶᠢᠨ ᠬᠠᠶᠢᠯᠳᠠ ᠨᠡᠭᠡᠭᠡᠯᠳᠡ ᠶᠢᠨ ᠲᠠᠭᠤᠷᠢᠶᠠᠯ ᠲᠣᠷᠰᠢᠯᠳᠡ ᠶᠢ ᠲᠦᠷᠭᠡᠳᠬᠡᠨ᠎ᠡ᠃ ᠮᠣᠩᠭᠤᠯ ᠬᠢᠳᠡᠳ ᠡᠮᠨᠡᠯᠭᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠲᠦᠷᠭᠡᠳᠬᠡᠵᠣ᠂ ᠠᠵᠠᠳᠠᠢ ᠡᠮᠨᠡᠬᠦ ᠰᠣᠪᠢᠯᠠᠬᠤ ᠶᠢ ᠣᠶᠠᠯᠳᠣᠭᠤᠯᠣᠭᠰᠠᠨ ᠲᠠᠭᠤᠷᠢᠶᠠᠯ ᠰᠠᠭᠤᠷᠢᠨ ᠤ ᠨᠦᠯᠦᠭᠡᠯᠡᠬᠦ ᠬᠦᠴᠦᠨ  ᠢ ᠨᠡᠮᠡᠭᠳᠡᠭᠦᠯᠦᠨ᠎ᠡ᠃ ᠢᠨᠲ᠋ᠧᠷ ᠰᠦᠯᠵᠢᠶ᠎ᠡ᠂ ᠳ᠋ᠠᠶᠢᠲᠨ ᠪᠣᠯᠣᠨ ᠪᠣᠳᠠᠳᠦ ᠴᠣᠭᠴᠠ ᠶᠢᠨ ᠠᠵᠣ ᠠᠬᠤᠢ ᠶᠢᠨ ᠠᠭᠤᠰᠣᠯᠴᠠᠩᠭᠤᠢ ᠬᠦᠭᠵᠢᠯᠳᠡ ᠶᠢ ᠠᠬᠢᠭᠤᠯᠣᠨ᠎ᠠ᠃ ᠭᠤᠷᠪᠡ ᠳᠤ᠂ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠤᠨ ᠬᠦᠭᠵᠢᠯᠳᠡ ᠶᠢ ᠲᠦᠷᠭᠡᠳᠬᠡᠨ᠎ᠡ᠃ ︽ᠣᠳᠤᠭ ᠤᠨ ᠡᠮᠦᠨᠡᠳᠦ ᠬᠤᠰᠢᠭᠤᠨ ᠤ ᠣᠶᠢᠯᠡᠴᠢᠯᠡᠭᠡᠨ  ᠤ ᠣᠶᠢᠯᠠᠰ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠭᠦᠯᠭᠡ ︵2017 — 2020 ᠣᠨ︶︾ ᠶᠢ ᠬᠡᠷᠡᠭᠵᠢᠭᠦᠯᠵᠣ᠂ ︽ᠨᠢᠭᠡ ᠲᠦᠪ᠂ ᠬᠤᠶᠠᠷ ᠲᠡᠩᠭᠡᠯᠢᠭ᠂ ᠭᠤᠷᠪᠠᠨ ᠲᠣᠭᠤᠷᠢᠭ︾ ᠤᠨ ︽Y︾ ᠬᠡᠯᠪᠡᠷᠢᠳᠦ ᠣᠷᠣᠨ ᠵᠠᠢ ᠪᠣᠯᠣᠨ ︽2 + 2 + 4︾ ᠣᠳᠦ ᠦᠶ᠎ᠡ ᠶᠢᠨ ᠣᠶᠢᠯᠡᠴᠢᠯᠡᠭᠡᠨ ᠤ ᠰᠢᠰᠲ᠋ᠧᠮ ︵ᠣᠯᠵᠠᠴᠢ ᠪᠠᠷ ᠲᠦᠪ ᠪᠣᠯᠭᠠᠨ᠂ ᠱᠠᠩᠬᠠᠢ ᠶᠢᠨ ᠰᠦᠮ᠎ᠡ  — ᠣᠯᠵᠠᠴᠢ — ᠪᠣᠷᠣᠪᠠᠯᠭᠠᠰᠦ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠣᠶᠢᠯᠡᠴᠢᠯᠡᠭᠡᠨ ᠤ ᠲᠡᠩᠭᠡᠯᠢᠭ ᠪᠣᠯᠣᠨ ᠱᠠᠩᠬᠠᠢ ᠶᠢᠨ ᠰᠦᠮ᠎ᠡ — ᠣᠯᠵᠠᠴᠢ — ᠨᠠᠩᠰᠦ ᠶᠢᠨ ᠠᠷᠠᠯᠵᠢᠶ᠎ᠠ ᠬᠤᠳᠠᠯᠳᠣᠭᠠᠨ ᠤ ᠶᠡᠷᠦᠩᠬᠡᠶᠢᠯᠡᠭᠰᠡᠨ ᠣᠶᠢᠯᠡᠴᠢᠯᠡᠭᠡᠨ ᠤ ᠲᠡᠩᠭᠡᠯᠢᠭ ᠢ ᠪᠦᠷᠢᠯᠳᠦᠭᠦᠯᠵᠣ᠂ ᠱᠠᠩᠬᠠᠢ ᠶᠢᠨ ᠰᠦᠮ᠎ᠡ ᠶᠢᠨ ᠤᠶᠢᠯᠡᠤᠨᠪᠤᠷᠢᠯᠡᠯ ᠤᠨ ᠴᠢᠨᠠᠷᠳᠠᠢ ᠣᠶᠢᠯᠡᠴᠢᠯᠭᠡᠨ ᠤ ᠣᠶᠢᠯᠠᠰ ᠤᠨ ᠲᠣᠭᠤᠷᠢᠭ᠂ ᠪᠣᠷᠣᠪᠠᠯᠭᠠᠰᠦ ᠶᠢᠨ ᠵᠢᠭᠤᠯᠴᠢᠯᠠᠯ  ᠤᠨ ᠣᠶᠢᠯᠡᠴᠢᠯᠡᠭᠡᠨ ᠤ ᠲᠣᠭᠤᠷᠢᠭ᠂ ᠨᠠᠩᠰᠦ ᠶᠢᠨ ᠮᠠᠯ ᠲᠠᠷᠢᠶᠠᠯᠠᠩ ᠤᠨ ᠠᠷᠠᠯᠵᠢᠶᠠᠨ ᠤ ᠣᠶᠢᠯᠡᠴᠢᠯᠡᠭᠡᠨ ᠤ ᠲᠣᠭᠤᠷᠢᠭ   ᠢ ᠪᠠᠶᠢᠭᠤᠯᠵᠣ᠂ ᠰᠣᠶᠣᠯ ᠵᠢᠭᠤᠯᠴᠢᠯᠠᠯ᠂ ᠠᠷᠠᠯᠵᠢᠶᠠᠨ ᠤ ᠣᠶᠢᠯᠡᠴᠢᠯᠡᠭᠡ ᠪᠠᠷ ᠲᠣᠯᠭᠠᠭᠤᠷᠢᠯᠠᠬᠤ ᠠᠵᠣ ᠣᠶᠢᠯᠠᠰ ᠪᠣᠯᠭᠠᠨ᠂ ᠣᠳᠦ ᠦᠶ᠎ᠡ ᠶᠢᠨ ᠪᠣᠳᠠᠰ ᠤᠨ ᠭᠦᠢᠯᠭᠡᠭᠡ᠂ ᠰᠦᠯᠵᠢᠶᠠᠨ ᠬᠤᠳᠠᠯᠳᠤᠭ᠎ᠠ ᠪᠠᠷ ᠲᠦᠬᠦᠷᠴᠢᠯᠡᠭᠰᠡᠨ ᠠᠵᠣ ᠣᠶᠢᠯᠠᠰ ᠪᠣᠯᠭᠠᠵᠣ᠂ ᠨᠠᠰᠣᠵᠢᠯ ᠡᠷᠡᠭᠦᠯᠵᠢᠯ᠂ ᠨᠡᠶᠢᠳᠡᠮ ᠬᠡᠷᠡᠭᠯᠡᠭᠡᠨ ᠤ ᠠᠭᠠᠷ ᠠᠶᠠᠯᠠᠯ᠂ ᠮᠦᠩᠭᠦᠨ ᠭᠦᠢᠯᠭᠡᠭᠡᠨ ᠤ ᠣᠶᠢᠯᠠᠴᠢᠯᠡᠭᠡ᠂ ᠮᠡᠳᠡᠭᠡ ᠵᠠᠩᠬᠢ ᠶᠢᠨ ᠣᠶᠢᠯᠡᠴᠢᠯᠡᠭᠡ ᠪᠠᠷ ᠬᠤᠰᠢᠭᠤᠴᠢ ᠠᠵᠣ ᠣᠶᠢᠯᠠᠰ ᠪᠣᠯᠭᠠᠭᠰᠠᠨ ᠣᠳᠦ ᠦᠶ᠎ᠡ ᠶᠢᠨ ᠣᠶᠢᠯᠡᠴᠢᠯᠡᠭᠡᠨ ᠤ ᠣᠶᠢᠯᠠᠰ ᠤᠨ ᠰᠢᠰᠲ᠋ᠧᠮ ᠢ ᠪᠦᠷᠢᠯᠳᠦᠭᠦᠯᠦᠨ᠎ᠡ︶ ᠢ ᠪᠦᠷᠢᠯᠳᠦᠭᠦᠯᠦᠨ᠎ᠡ᠃ ︽1 + 6︾ ᠬᠤᠪᠢᠰᠬᠠᠯᠳᠦ ᠬᠦᠮᠦᠵᠢᠯ ᠪᠣᠯᠪᠠᠰᠣᠷᠠᠯ ᠤᠨ ᠰᠠᠭᠤᠷᠢᠨ ᠳᠤ ᠲᠦᠰᠢᠭᠯᠡᠨ ᠲᠠᠯ᠎ᠠ ᠨᠣᠳᠤᠭ ᠤᠨ ᠰᠣᠶᠣᠯ ᠪᠣᠯᠣᠨ ᠬᠤᠪᠢᠰᠬᠠᠯᠳᠦ ᠰᠣᠶᠣᠯ ᠢ ᠠᠭᠤᠰᠣᠯᠴᠠᠭᠤᠯᠵᠣ᠂ ᠪᠦᠬᠦ ᠴᠠᠷᠠᠭᠠᠨ ᠤ ᠵᠢᠭᠤᠯᠴᠢᠯᠠᠯ ᠢ ᠶᠡᠭᠡ ᠪᠠᠷ ᠬᠦᠭᠵᠢᠭᠦᠯᠦᠨ᠎ᠡ᠃ ᠬᠡᠷᠡᠭᠯᠡᠭᠡᠨ ᠤ ᠲᠡᠰᠵᠢᠯ ᠳᠤ ᠵᠣᠬᠢᠴᠠᠭᠤᠯᠣᠨ ᠰᠡᠯᠡᠭᠦᠴᠡᠯ ᠵᠣᠭᠠᠴᠠᠯ᠂ ᠡᠷᠡᠭᠦᠯᠵᠢᠯ ᠨᠠᠰᠣᠵᠢᠯ᠂ ᠰᠣᠶᠣᠯ ᠲᠠᠮᠢᠷ᠂ ᠰᠦᠯᠵᠢᠶᠡᠨ ᠬᠤᠳᠠᠯᠳᠤᠭ᠎ᠠ ᠵᠡᠷᠭᠡ ᠣᠳᠣ ᠦᠶ᠎ᠡ ᠶᠢᠨ ᠣᠶᠢᠯᠡᠴᠢᠯᠡᠭᠡᠨ ᠤ ᠣᠶᠢᠯᠠᠰ ᠢ ᠬᠦᠭᠵᠢᠭᠦᠯᠵᠣ᠂ ᠰᠢᠨ᠎ᠡ ᠬᠠᠩᠭᠠᠯᠭ᠎ᠠ ᠡᠭᠦᠳᠦᠨ ᠰᠢᠨ᠎ᠡ ᠬᠡᠷᠡᠭᠴᠡᠭᠡ ᠨᠡᠭᠡᠭᠡᠵᠣ᠂ ᠣᠶᠢᠯᠡᠴᠢᠯᠡᠭᠡᠨ ᠤ ᠣᠶᠢᠯᠠᠰ ᠤᠨ ᠬᠦᠭᠵᠢᠯᠳᠡ ᠶᠢᠨ ᠲᠦᠪᠰᠢᠨ ᠢ ᠲᠡᠭᠡᠭᠰᠢᠯᠡᠭᠦᠯᠦᠨ᠎ᠡ᠃         ︵ᠲᠦᠷᠪᠡ︶ ᠦᠭᠡᠷᠡᠴᠢᠯᠡᠯᠳᠡ ᠰᠢᠨᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠣ᠂ ᠠᠵᠣ ᠠᠬᠤᠢ ᠶᠢᠨ ᠬᠦᠭᠵᠢᠯᠳᠡ ᠶᠢᠨ ᠲᠣᠳᠣᠭᠠᠳᠦ ᠬᠦᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠰᠢᠰᠲ᠋ᠧᠮᠳᠦ ᠰᠡᠳᠬᠢᠭᠦᠢ ᠪᠠᠷ ᠦᠭᠡᠷᠡᠴᠢᠯᠡᠯᠳᠡ ᠶᠢ ᠰᠦᠪᠡᠭᠴᠢᠯᠡᠨ ᠲᠣᠭᠳᠠᠴᠠ ᠶᠢᠨ ᠬᠠᠷᠰᠢ ᠰᠠᠭᠠᠳ ᠢ ᠡᠪᠳᠡᠵᠣ᠂ ᠦᠭᠡᠷᠡᠴᠢᠯᠡᠯᠳᠡ ᠰᠢᠨᠡᠴᠢᠯᠡᠯᠳᠡ ᠪᠠᠷ ᠨᠡᠭᠡᠭᠡᠯᠳᠡᠳᠦ ᠬᠦᠭᠵᠢᠯᠳᠡ ᠶᠢ ᠠᠬᠢᠭᠤᠯᠣᠨ᠎ᠠ᠃ ᠨᠢᠭᠡ ᠳᠤ᠂ ᠦᠭᠡᠷᠡᠴᠢᠯᠡᠯᠳᠡ ᠶᠢᠨ ᠪᠣᠳᠠᠳᠦ ᠦᠷ᠎ᠡ ᠠᠰᠢᠭ ᠢ ᠨᠡᠮᠡᠭᠳᠡᠭᠦᠯᠦᠨ᠎ᠡ ᠃ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠵᠣ᠂ ︽ᠭᠤᠷᠪᠠ ᠶᠢ ᠪᠠᠭᠠᠰᠬᠠᠵᠣ ᠨᠢᠭᠡ ᠶᠢ ᠪᠠᠭᠤᠷᠠᠭᠤᠯᠣᠨ ᠨᠢᠭᠡ ᠶᠢ ᠨᠦᠬᠦᠪᠦᠷᠢᠯᠡᠬᠦ︾ ᠡᠭᠦᠷᠭᠡ ᠶᠢᠨ ᠨᠠᠶᠢᠳᠠᠪᠦᠷᠢᠵᠢᠭᠤᠯᠣᠯᠳᠠ ᠶᠢᠨ ᠠᠵᠢᠯ ᠢ ᠰᠠᠶᠢᠳᠦᠷ ᠠᠳᠬᠤᠨ᠎ᠠ᠃ ︽ᠪᠠᠭᠤᠯᠭᠠᠬᠤ᠂ ᠬᠠᠮᠢᠶᠠᠷᠬᠤ᠂ ᠣᠶᠢᠯᠡᠴᠢᠯᠡᠬᠦ︾ ᠦᠭᠡᠷᠡᠴᠢᠯᠡᠯᠳᠡ ᠶᠢ ᠪᠡᠶᠡᠯᠡᠭᠦᠯᠵᠣ᠂     ︽ᠲᠦᠷᠪᠠᠨ ᠣᠷᠣᠨ ᠲᠦᠷᠪᠡᠨ ᠭᠦᠢᠴᠡᠳᠬᠡᠯ ᠤᠨ ᠣᠶᠣᠨᠴᠢ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ ᠵᠠᠭᠪᠣᠷ ᠢ ᠶᠡᠭᠡ ᠪᠠᠷ ᠲᠦᠭᠡᠮᠡᠯᠵᠢᠭᠦᠯᠵᠣ᠂ ᠣᠯᠣᠰ ᠤᠨ ᠲᠡᠰ ᠤᠨ ᠵᠠᠰᠠᠭ ᠤᠨ ᠶᠠᠪᠣᠳᠠᠯ ᠤᠨ ᠣᠶᠢᠯᠡᠴᠢᠯᠡᠭᠡᠨ ᠤ ᠪᠠᠷᠢᠮᠵᠢᠶᠠᠴᠢᠭᠰᠠᠨ ᠲᠣᠷᠰᠢᠯᠳᠠ ᠶᠢᠨ ᠴᠡᠭ ᠢ ᠪᠠᠶᠢᠭᠤᠯᠬᠤ  ᠪᠠᠷ ᠴᠢᠷᠮᠠᠶᠢᠨ᠎ᠡ︔ ᠪᠡᠯᠡ ᠣᠷᠣᠭᠤᠯᠣᠯᠳᠠ ᠶᠢᠨ ᠲᠦᠷᠦᠯ ᠵᠣᠶᠢᠯ ᠢ ᠰᠦᠯᠵᠢᠶᠠᠨ ᠲᠡᠭᠡᠷ᠎ᠡ ︽ᠬᠠᠮᠳᠣᠳᠬᠠᠨ ᠬᠢᠨᠠᠨ ᠵᠦᠪᠰᠢᠶᠡᠷᠡᠬᠦ︾ ᠶᠢ ᠠᠬᠢᠭᠤᠯᠣᠨ᠎ᠠ᠃ ᠲᠠᠷᠢᠶᠠᠯᠠᠩ ᠤᠨ ᠠᠵᠣ ᠣᠶᠢᠯᠠᠰᠵᠢᠭᠰᠠᠨ ᠬᠠᠮᠳᠣᠷᠠᠯ ᠴᠣᠭᠴᠠ᠂ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ᠂ ᠠᠵᠣ ᠠᠬᠤᠶᠢᠯᠠᠯ ᠬᠢᠭᠡᠳ ᠶᠠᠳᠠᠭᠤ ᠬᠦᠴᠢᠷᠳᠡᠯᠳᠡᠢ ᠡᠷᠦᠭᠡ ᠶᠢᠨ ᠠᠰᠢᠭ ᠲᠣᠰᠠ ᠶᠢᠨ ᠬᠤᠯᠪᠣᠭᠠᠯᠠᠯ ᠤᠨ ᠬᠠᠮᠳᠦ ᠶᠢᠨ ᠴᠣᠭᠴᠠ ᠶᠢ ᠪᠦᠷᠢᠯᠳᠦᠭᠦᠯᠦᠨ᠎ᠡ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠠᠶᠢᠭᠤᠯᠣᠯᠳᠠ ᠶᠢ ᠲᠦᠷᠭᠡᠳᠬᠡᠵᠣ᠂ ᠠᠮᠢ ᠠᠬᠤᠢ ᠶᠢᠨ ᠪᠣᠯᠪᠠᠰᠣᠨ ᠤ  ᠪᠠᠶᠢᠭᠤᠯᠣᠯᠳᠠ ᠶᠢᠨ ᠲᠠᠪᠣᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠣ᠂ ᠪᠠᠶᠢᠭᠠᠯᠢ ᠶᠢᠨ ᠰᠣᠷᠪᠣᠯᠵᠢ ᠬᠦᠷᠦᠩᠭᠡ ᠶᠢᠨ ᠲᠣᠰᠢᠶᠠᠯ ᠠᠴᠠ ᠰᠠᠯᠬᠤ ᠬᠠᠷᠢᠭᠤᠴᠠᠯᠭ᠎ᠠ ᠶᠢᠨ ᠬᠢᠨᠠᠨ ᠪᠣᠳᠣᠯᠳᠠ   ᠶᠢ ᠪᠦᠬᠦ ᠲᠠᠯ᠎ᠠ ᠬᠡᠷᠡᠭᠵᠢᠭᠦᠯᠦᠨ᠎ᠡ᠃ ᠰᠣᠶᠣᠯ᠂ ᠡᠷᠡᠬᠦᠯ ᠬᠠᠮᠠᠭᠠᠯᠠᠯ᠂ ᠨᠡᠶᠢᠭᠡᠮ ᠤᠨ ᠣᠶᠢᠯᠠᠰ᠂ ᠣᠶᠣᠨᠴᠢ ᠬᠤᠳᠠ ᠪᠠᠯᠭᠠᠰᠣᠨ ᠤ ᠪᠠᠶᠢᠭᠤᠯᠣᠯᠳᠠ ᠵᠡᠷᠭᠡ ᠬᠡᠪᠴᠢᠶᠡᠨ ᠳᠠᠬᠢ ᠦᠭᠡᠷᠡᠴᠢᠯᠡᠯᠳᠡ ᠶᠢ ᠲᠦᠷᠭᠡᠳᠬᠡᠵᠣ᠂ ᠨᠡᠶᠢᠳᠡ ᠶᠢᠨ ᠣᠶᠢᠯᠡᠴᠢᠯᠡᠭᠡᠨ ᠤ ᠲᠡᠩᠴᠡᠭᠦᠷᠢᠰᠢᠯ ᠨᠠᠷᠢᠯᠢᠭᠵᠢᠯ ᠢ ᠠᠬᠢᠭᠤᠯᠣᠨ᠎ᠠ᠃ ᠬᠤᠶᠠᠷ ᠲᠤ᠂ ᠰᠢᠨᠡᠴᠢᠯᠡᠯᠳᠡ ᠶᠢᠨ ᠬᠦᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠲᠡᠭᠡᠳᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠤᠨ ᠪᠣᠯᠪᠠᠰᠣᠷᠠᠯ ᠤᠨ ᠲᠦᠯᠦᠪᠯᠡᠭᠡ ᠶᠢ ᠬᠡᠷᠡᠭᠵᠢᠭᠦᠯᠵᠣ᠂ ᠲᠣᠰ ᠵᠢᠯ ᠳᠤ 1 ᠲᠡᠭᠡᠳᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠢ ᠪᠣᠶᠢᠵᠢᠭᠤᠯᠵᠣ᠂ ᠲᠠᠯᠳᠠ ᠬᠦᠴᠦᠨ ᠪᠦᠬᠦᠢ ᠶᠢᠨ ᠰᠢᠨᠵᠢᠯᠡᠭᠡ ᠮᠡᠷᠭᠡᠵᠢᠯ ᠤᠨ ᠬᠡᠯᠪᠡᠷᠢᠳᠦ ᠲᠣᠮᠳᠠ ᠪᠠᠭ᠎ᠠ ᠠᠵᠣ ᠠᠬᠤᠶᠢᠯᠠᠯ ᠤᠨ ᠬᠦᠭᠵᠢᠯᠳᠡ  ᠶᠢ ᠪᠣᠵᠠᠭᠠᠶᠢᠷᠠᠭᠤᠯᠣᠨ᠎ᠠ᠃ ︽ᠴᠠᠬᠢᠷᠮ᠎ᠠ ᠴᠢᠳᠠᠪᠦᠷᠢᠳᠡᠨ︾ ᠤ ᠨᠡᠷᠡᠳᠦ ᠲᠡᠮᠳᠡᠭ ᠤᠨ ᠪᠠᠶᠢᠯᠳᠣᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠂ ᠴᠢᠳᠠᠪᠦᠷᠢᠳᠠᠨ  ᠤ ᠬᠦᠭᠵᠢᠯᠳᠡ ᠪᠣᠯᠣᠨ ᠰᠢᠨᠵᠢᠯᠡᠭᠡ ᠮᠡᠷᠭᠡᠵᠢᠯ ᠰᠢᠨᠡᠴᠢᠯᠠᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠢ ᠬᠢᠨᠠᠮᠠᠭᠠᠢ ᠨᠠᠶᠢᠳᠠᠪᠦᠷᠢᠵᠢᠭᠤᠯᠵᠣ᠂ ᠴᠢᠳᠠᠪᠦᠷᠢᠳᠠᠨ ᠲᠣᠳᠠᠮᠠᠭ ᠪᠠ ᠰᠢᠨ᠎ᠡ ᠶᠢ ᠡᠭᠦᠳᠦᠨ ᠣᠶᠢᠯᠠᠰ ᠪᠣᠰᠬᠠᠬᠤ ᠡᠩᠨᠨᠡᠭᠡ ᠶᠢ ᠣᠷᠣᠭᠤᠯᠣᠨ ᠪᠣᠶᠢᠵᠢᠭᠤᠯᠣᠨ᠎ᠠ᠃ ᠰᠢᠨᠵᠢᠯᠡᠭᠡ ᠮᠡᠷᠭᠡᠵᠢᠯ ᠤᠨ ᠰᠢᠨᠡᠴᠢᠯᠠᠯ ᠤᠨ ᠲᠦᠪᠰᠢᠨ ᠢ ᠲᠡᠭᠡᠭᠰᠢᠯᠡᠭᠦᠯᠣᠨ᠂ ᠰᠢᠨ᠎ᠡ ᠶᠢ ᠡᠭᠦᠳᠦᠨ ᠣᠶᠢᠯᠠᠰ ᠪᠦᠳᠦᠭᠡᠭᠦ ᠪᠣᠶᠢᠵᠢᠭᠤᠯᠣᠯᠳᠠ ᠶᠢᠨ ᠪᠠᠶᠢᠭᠤᠯᠣᠮᠵᠢ ᠶᠢ ᠢᠳᠡᠪᠬᠢᠳᠡᠢ ᠲᠡᠮᠵᠢᠨ᠂ ᠬᠤᠰᠢᠭᠤᠨ ᠤ ᠠᠩᠬᠠᠳᠣᠭᠠᠷ ᠣᠳᠠᠭᠠᠨ ᠤ ᠰᠢᠨᠵᠢᠯᠡᠭᠡ ᠮᠡᠷᠭᠡᠵᠢᠯ ᠤᠨ ᠰᠢᠨᠡᠴᠢᠯᠠᠯ ᠤᠨ ᠣᠷᠣᠯᠳᠣᠭᠠᠨ ᠢ ᠵᠣᠬᠢᠶᠠᠨ ᠪᠠᠶᠢᠭᠤᠯᠵᠣ᠂ ᠲᠠᠶᠠᠭᠠᠡᠷ ᠢᠶᠠᠨ ᠣᠶᠢᠯᠠᠰ ᠪᠣᠰᠬᠠᠨ ᠣᠯᠠᠨ ᠢᠶᠠᠷ ᠢᠶᠠᠨ ᠰᠢᠨ᠎ᠡ  ᠶᠢ ᠡᠭᠦᠳᠬᠦ ᠣᠷᠴᠢᠨ ᠢ ᠪᠣᠢ ᠪᠣᠯᠭᠠᠨ᠎ᠠ᠃ ᠭᠤᠷᠪᠠ ᠳᠤ᠂ ᠴᠢᠯᠦᠭᠡᠳᠡᠢ ᠨᠡᠭᠡᠭᠡᠯᠳᠡ ᠶᠢᠨ ᠲᠦᠪᠰᠢᠨ ᠢ ᠦᠷᠭᠡᠳᠬᠡᠨ᠎ᠡ᠃ ᠬᠦᠬᠡᠬᠤᠳᠠ ᠪᠣᠭᠤᠳᠦ ᠣᠷᠳᠣᠰ ᠤᠨ ᠢᠵᠢᠯ ᠠᠯᠬᠤᠮ ᠤᠨ ᠬᠦᠭᠵᠢᠯᠳᠡ ᠪᠣᠯᠣᠨ ᠬᠦᠬᠡᠬᠤᠳᠠ ᠪᠣᠭᠤᠳᠦ ᠢᠷᠭᠠᠢ ᠲᠡᠮᠡᠭᠡᠳᠦ ᠶᠢᠨ ᠬᠤᠳᠠ ᠶᠢᠨ ᠰᠦᠷᠦᠭᠵᠢᠯ ᠤᠨ ᠬᠦᠭᠵᠢᠯᠳᠡ ᠲᠠᠢ ᠠᠭᠤᠰᠣᠯᠴᠠᠭᠤᠯᠣᠨ᠂ ᠬᠠᠷᠢᠯᠴᠠᠨ ᠨᠡᠪᠳᠡᠷᠡᠯᠴᠡᠬᠦ ᠵᠠᠮ ᠤᠨ ᠲᠣᠣᠷ ᠢᠶᠠᠷ ᠰᠠᠭᠤᠷᠢ ᠪᠣᠯᠭᠠᠨ᠂ ᠠᠵᠣ ᠠᠬᠤᠢ ᠶᠢᠨ ᠬᠠᠮᠳᠣᠷᠠᠯᠴᠠᠭ᠎ᠠ ᠪᠠᠷ ᠲᠦᠰᠢᠭᠯᠡᠵᠣ᠂ ᠠᠵᠣ ᠣᠶᠢᠯᠠᠰ ᠤᠨ ᠨᠡᠭᠡᠭᠡᠯᠳᠡ  ᠪᠠᠷ ᠭᠠᠷᠳᠠᠴᠠ ᠬᠢᠵᠣ᠂ ᠰᠣᠶᠣᠯ ᠰᠣᠯᠢᠯᠴᠠᠭ᠎ᠠ ᠪᠠᠷ ᠬᠤᠯᠪᠣᠭᠠᠰᠦ ᠪᠣᠯᠭᠠᠵᠣ᠂ ᠢᠷᠭᠠᠢ ᠯᠤᠭ᠎ᠠ ᠶᠢᠨ ᠶᠠᠪᠣᠯᠴᠠᠭ᠎ᠠ ᠪᠠᠨ ᠴᠢᠩᠭᠠᠳᠬᠠᠵᠣ᠂ ᠵᠢᠭᠤᠯᠴᠢᠯᠠᠯ᠂ ᠰᠣᠷᠭᠠᠨ ᠬᠦᠮᠦᠵᠢᠯ᠂ ᠡᠮ ᠡᠮᠨᠡᠯᠭᠡ᠂ ᠰᠠᠭᠤᠷᠢ ᠲᠦᠭᠦᠭᠡᠷᠦᠮᠵᠢ ᠶᠢᠨ ᠲᠠᠯ᠎ᠠ ᠪᠠᠷ ᠭᠦᠨᠵᠡᠭᠡᠢ ᠬᠠᠮᠳᠣᠷᠠᠯᠴᠠᠵᠣ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠣ ᠬᠠᠮᠳᠦ ᠪᠠᠷ ᠠᠰᠢᠭ ᠬᠦᠷᠳᠡᠨ᠎ᠡ᠃ ᠮᠣᠩᠭᠤᠯ ᠣᠯᠣᠰ ᠯᠤᠭ᠎ᠠ ᠶᠢᠨ ᠬᠠᠮᠳᠣᠷᠠᠯᠴᠠᠭ᠎ᠠ ᠪᠠᠨ ᠴᠢᠩᠭᠠᠳᠬᠠᠵᠣ᠂ ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠴᠠᠷᠠᠭᠠᠨ ᠳᠤ ᠬᠠᠮᠳᠣᠷᠠᠯᠴᠠᠭᠠᠨ ᠤ ᠰᠢᠨ᠎ᠡ ᠪᠦᠳᠦᠭᠡᠯ ᠭᠠᠷᠭᠠᠬᠤ ᠪᠠᠷ ᠴᠢᠷᠮᠠᠶᠢᠨ᠎ᠠ᠃         ︵ᠲᠠᠪᠤ︶ ᠠᠷᠠᠳ ᠤᠨ ᠠᠮᠢᠳᠣᠷᠠᠯ ᠳᠤ ᠪᠣᠳᠠᠳᠦ ᠣᠴᠢᠷ ᠪᠦᠳᠦᠭᠡᠵᠣ᠂ ᠣᠯᠠᠨ ᠲᠦᠮᠡᠨ ᠤ ᠠᠰᠢᠭ ᠵᠢᠷᠭᠠᠯ ᠢ ᠨᠡᠮᠡᠭᠳᠡᠭᠦᠯᠦᠨ᠎ᠡ᠃ ᠣᠯᠠᠨ ᠲᠦᠮᠡᠨ ᠤ ᠠᠰᠢᠭ ᠵᠢᠷᠭᠠᠯ ᠢ ᠨᠡᠮᠡᠭᠳᠡᠭᠦᠯᠬᠦ ᠶᠢ ᠵᠠᠰᠠᠭ ᠤᠨ ᠪᠦᠳᠦᠮᠵᠢ ᠪᠠᠨ ᠪᠣᠯᠭᠠᠵᠣ᠂ ᠦᠭᠡᠷᠡᠴᠢᠯᠡᠯᠳᠡ ᠬᠦᠭᠵᠢᠯᠳᠡ ᠶᠢᠨ ᠨᠡᠩ ᠣᠯᠠᠨ ᠦᠷ᠎ᠡ ᠪᠦᠳᠦᠭᠡᠯ ᠢ ᠠᠷᠠᠳ ᠣᠯᠠᠨ  ᠳᠤ ᠡᠳ᠋ᠯᠡᠭᠦᠯᠦᠨ᠎ᠡ᠃ ᠨᠢᠭᠡ ᠳᠤ᠂ ᠨᠡᠶᠢᠭᠡᠮ ᠤᠨ ᠪᠠᠳᠣᠯᠠᠭ᠎ᠠ ᠶᠢᠨ ᠲᠦᠪᠰᠢᠨ ᠢ ᠲᠡᠭᠡᠭᠰᠢᠯᠡᠭᠦᠯᠦᠨ᠎ᠡ᠃ ᠣᠶᠢᠯᠠᠰ ᠪᠦᠳᠦᠭᠡᠬᠦ ᠲᠡᠮᠵᠢᠯᠭᠡ ᠶᠢᠨ ᠪᠣᠳᠣᠯᠭ᠎ᠠ ᠪᠣᠯᠣᠨ ᠣᠷᠮᠠᠰᠢᠭᠤᠯᠬᠤ ᠲᠣᠭᠳᠠᠴᠠ ᠶᠢ ᠲᠡᠭᠦᠯᠳᠡᠷᠵᠢᠭᠦᠯᠦᠨ᠂ ᠬᠤᠳᠠ ᠬᠦᠳᠡᠭᠡ ᠶᠢ ᠬᠠᠮᠣᠷᠠᠭᠰᠠᠨ ᠮᠡᠷᠭᠡᠵᠢᠯ ᠴᠢᠳᠠᠪᠦᠷᠢ ᠶᠢᠨ ᠪᠣᠯᠪᠠᠰᠣᠷᠠᠯ ᠲᠦᠷᠢᠮ ᠢ ᠪᠠᠶᠢᠭᠤᠯᠵᠣ᠂ ᠣᠶᠣᠳᠠᠳ᠂ ᠴᠡᠷᠢᠭ ᠠᠴᠠ ᠬᠠᠯᠠᠭᠳᠠᠭᠰᠠᠳ᠂ ᠶᠠᠳᠠᠭᠤ ᠬᠦᠴᠢᠷᠳᠡᠯᠳᠡᠢ ᠣᠯᠠᠨ ᠲᠦᠮᠡᠨ᠂ ᠠᠵᠢᠯ ᠣᠯᠣᠨ ᠣᠶᠢᠯᠠᠰ ᠪᠦᠳᠦᠭᠡᠬᠦ ᠠᠵᠢᠯ ᠢ ᠲᠣᠪᠣᠶᠢᠮ᠎ᠠ ᠰᠠᠶᠢᠨ ᠠᠳᠬᠤᠵᠣ᠂ ᠲᠣᠰ ᠵᠢᠯ ᠳᠤ ᠬᠤᠳᠠ ᠪᠠᠯᠭᠠᠰᠣᠨ ᠤ 950 ᠠᠴᠠ ᠲᠡᠭᠡᠭᠰᠢᠬᠢ ᠬᠦᠮᠦᠨ ᠳᠤ ᠠᠵᠢᠯ ᠣᠯᠣᠭᠤᠯᠣᠨ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠣᠷᠮ᠎ᠠ ᠶᠢ 3%  ᠲᠣᠳᠣᠷ᠎ᠠ ᠬᠢᠵᠠᠭᠠᠷᠯᠠᠨ᠎ᠠ᠃ ᠪᠦᠬᠦ ᠠᠷᠠᠳ ᠤᠨ ᠨᠡᠶᠢᠭᠡᠮ ᠤᠨ ᠲᠠᠭᠠᠳᠬᠠᠯ ᠤᠨ ᠲᠠᠩᠰᠠᠯᠠᠯᠳᠠ ᠶᠢ ᠭᠦᠨᠵᠡᠭᠡᠶᠢᠷᠡᠭᠦᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠣᠨ ᠨᠠᠰᠣᠵᠢᠯ ᠤᠨ ᠮᠦᠩᠭᠦ ᠶᠢᠨ ᠲᠣᠣᠷ᠎ᠠ ᠪᠠᠷᠢᠮᠵᠢᠶ᠎ᠡ ᠶᠢ 18 ᠲᠦᠬᠦᠷᠢᠭ ᠲᠡᠭᠡᠭᠰᠢᠯᠡᠭᠦᠯᠵᠣ᠂ ᠠᠵᠣ ᠠᠬᠤᠶᠢᠯᠠᠯ ᠪᠣᠯᠣᠨ ᠠᠯᠪᠠᠨ ᠪᠠᠶᠢᠭᠤᠯᠭ᠎ᠠ ᠠᠵᠢᠯ ᠣᠶᠢᠯᠠᠰ ᠤᠨ ᠨᠢᠭᠡᠴᠡ ᠶᠢᠨ ᠠᠵᠢᠯ ᠠᠴᠠ ᠠᠮᠠᠷᠠᠭᠰᠠᠳ ᠤᠨ ᠦᠨᠳᠦᠰᠦᠨ ᠨᠠᠰᠣᠵᠢᠯ ᠤᠨ ᠮᠦᠩᠭᠦ ᠶᠢ 5% ᠪᠠᠷ ᠲᠡᠭᠡᠭᠰᠢᠯᠡᠭᠦᠯᠦᠨ᠎ᠡ᠃ ᠬᠤᠶᠠᠷ ᠲᠤ᠂ ᠨᠡᠶᠢᠳᠡ ᠶᠢᠨ ᠣᠶᠢᠯᠡᠴᠢᠯᠡᠭᠡᠨ ᠤ ᠲᠦᠬᠦᠷᠵᠢᠭᠦᠯᠦᠯᠳᠡ ᠶᠢ ᠲᠡᠭᠦᠯᠳᠡᠷᠵᠢᠭᠦᠯᠦᠨ᠎ᠡ᠃ ᠭᠤᠣᠯᠯᠠᠭᠴᠢ ᠪᠠᠭᠰᠢ ᠦᠨᠳᠦᠰᠦᠨ ᠱᠠᠳᠣᠨ ᠳᠤ ᠡᠭᠡᠯᠵᠢᠯᠡᠨ ᠠᠵᠢᠯᠯᠠᠬᠤ ᠲᠣᠭᠳᠠᠴᠠ ᠬᠡᠷᠡᠭᠵᠢᠭᠦᠯᠵᠣ᠂ ᠣᠯᠠᠨ ᠠᠷᠭ᠎ᠠ ᠵᠠᠮ ᠢᠶᠠᠷ ᠪᠠᠭᠰᠢ ᠣᠷᠢᠨ ᠡᠯᠰᠡᠴᠦ᠂ ᠣᠯᠵᠠᠴᠢ ᠪᠠᠯᠭᠠᠰᠣᠨ ᠳᠤ ᠪᠠᠶᠢᠷᠢ ᠳᠤ ᠰᠠᠭᠤᠬᠤ ᠲᠦᠷᠢᠮᠳᠦ ᠪᠦᠷᠢᠨ ᠪᠠᠭ᠎ᠠ ᠰᠣᠷᠭᠠᠭᠤᠯᠢ ᠶᠢ 1 ᠰᠠᠭᠤᠷᠢ ᠪᠠᠶᠢᠭᠤᠯᠣᠨ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠴᠢᠨᠠᠷᠯᠢᠭ ᠲᠡᠩᠴᠡᠭᠦᠷᠢᠳᠡᠢ ᠬᠦᠭᠵᠢᠯᠳᠡ ᠶᠢ ᠠᠬᠢᠭᠤᠯᠣᠨ᠎ᠠ᠃ ︽ᠰᠠᠶᠢᠨ ᠡᠮᠴᠢ ᠬᠦᠳᠡᠭᠡ ᠳᠤ ᠪᠠᠭᠤᠬᠤ︾ ᠢᠨᠵᠧᠨᠧᠷᠢᠩ ᠢ ᠬᠡᠷᠡᠭᠵᠢᠭᠦᠯᠵᠣ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢ ᠵᠢᠯ ᠤᠨ ᠡᠴᠦᠰ ᠠᠴᠠ ᠡᠮᠦᠨ᠎ᠡ ᠠᠰᠢᠭᠯᠠᠯᠳᠠ ᠳᠤ ᠣᠷᠣᠭᠤᠯᠣᠨ᠂ ᠰᠢᠨ᠎ᠡ ᠪᠠᠶᠢᠭᠤᠯᠵᠣ ᠪᠠᠶᠢᠭ᠎ᠠ 4 ᠡᠷᠡᠭᠦᠯ ᠬᠠᠮᠠᠭᠠᠯᠠᠯ ᠤᠨ ᠬᠤᠷᠢᠶ᠎ᠠ ᠶᠢ 6 ᠰᠠᠷ᠎ᠠ  ᠶᠢᠨ ᠰᠡᠭᠦᠯᠴᠢ ᠠᠴᠠ ᠡᠮᠦᠨ᠎ᠡ ᠠᠰᠢᠭᠯᠠᠯᠳᠠ ᠳᠤ ᠣᠷᠣᠭᠤᠯᠵᠣ᠂ ᠣᠯᠠᠨ ᠲᠦᠮᠡᠨ ᠤ ᠡᠮᠴᠢᠯᠡᠭᠡᠨ ᠤ ᠣᠷᠴᠢᠨ ᠢ ᠪᠦᠬᠦ ᠲᠠᠯ᠎ᠠ ᠪᠠᠷ ᠰᠠᠶᠢᠵᠢᠷᠠᠭᠤᠯᠣᠨ᠎ᠠ᠃ ᠲᠣᠭᠯᠠᠯᠳᠠ ᠶᠢᠨ ᠲᠦᠪ ᠤᠨ ᠦᠭᠡᠷᠡᠴᠢᠯᠡᠯᠳᠡ ᠶᠢ ᠠᠬᠢᠭᠤᠯᠵᠣ᠂ ︽ᠠᠨᠠᠷ ᠪᠣᠯᠪᠠᠰᠣᠷᠠᠯ᠎ᠠ︾ ᠵᠡᠷᠭᠡ ᠵᠦᠴᠦᠭᠡ ᠶᠢ ᠪᠠᠶᠢᠩᠭᠤ ᠲᠣᠭᠯᠠᠵᠣ᠂ ︽ᠰᠣᠶᠣᠯ ᠢ ᠬᠦᠳᠡᠭᠡ ᠪᠠᠭᠤᠯᠭᠠᠬᠤ︾ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠵᠣ᠂ ᠣᠯᠠᠨ ᠲᠦᠮᠠᠨ ᠤ ᠣᠶᠣᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠣᠨ᠎ᠠ᠃ ᠭᠤᠷᠪᠠ ᠳᠤ ᠨᠡᠶᠢᠭᠡᠮ ᠤᠨ ᠵᠠᠰᠠᠯᠳᠠ ᠶᠢᠨ ᠰᠢᠨᠡᠴᠢᠯᠡᠯ ᠢ ᠴᠢᠩᠭᠠᠳᠬᠠᠨ᠎ᠠ᠃ ᠨᠡᠶᠢᠭᠡᠮ ᠤᠨ ᠠᠮᠣᠷ ᠲᠣᠭᠳᠠᠭᠤᠨ ᠢ ᠬᠠᠮᠠᠭᠠᠯᠠᠬᠤ ᠬᠢᠨᠠᠨ ᠡᠵᠡᠮᠰᠢᠯ ᠤᠨ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠵᠣ᠂ ᠡᠯ᠎ᠡ ᠵᠣᠶᠢᠯ ᠤᠨ ᠶᠠᠯᠠᠳᠦ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠠᠮᠣᠷ ᠠᠮᠣᠭᠤᠯᠠᠩ ᠪᠠᠯᠭᠠᠰᠣᠨ ᠤ ᠪᠦᠬᠦ ᠪᠦᠷᠬᠦᠴᠡ ᠶᠢ ᠪᠡᠶᠡᠯᠡᠭᠦᠯᠵᠣ᠂ ᠠᠮᠣᠷ ᠠᠮᠣᠭᠤᠯᠠᠩ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠴᠣᠭᠴᠠᠯᠠᠯᠳᠠ ᠶᠢᠨ ᠨᠣᠷᠮ᠎ᠠ ᠶᠢ 95% ᠠᠴᠠ ᠲᠠᠪᠠᠭᠤᠯᠣᠨ᠎ᠠ᠃ ᠠᠶᠣᠯᠬᠦᠢ ᠣᠶᠢᠯᠠᠳᠪᠦᠷᠢᠯᠠᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠠᠮᠣᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠦᠷᠬᠦᠯᠵᠢ ᠦᠷᠨᠢᠭᠦᠯᠦᠨ᠂ ᠭᠡᠮ ᠰᠣᠭᠤᠭ ᠢ ᠡᠷᠡᠰ ᠴᠢᠩᠭ᠎ᠠ ᠪᠠᠷ ᠴᠡᠭᠴᠡᠯᠡᠨ ᠠᠶᠣᠯᠭᠦᠢ ᠣᠶᠢᠠᠯᠳᠪᠦᠷᠢᠯᠠᠯ ᠤᠨ ᠨᠣᠴᠢᠳᠠᠢ ᠭᠡᠨᠡᠳᠡᠯ ᠡᠬᠦᠰᠬᠦ ᠶᠢ ᠪᠠᠳᠣᠯᠠᠨ᠎ᠠ᠃ ᠬᠤᠰᠢᠭᠤ᠂ ᠪᠠᠯᠭᠠᠰᠣ᠂ ᠭᠠᠴᠠᠭ᠎ᠠ ᠲᠣᠰᠬᠤᠨ ᠭᠤᠷᠪᠠᠨ ᠱᠠᠳᠣᠨ ᠤ ᠢᠳᠡᠭᠡᠨ ᠡᠮ ᠤᠨ ᠵᠣᠶᠢᠯᠠᠰ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ  ᠶᠢᠨ ᠲᠣᠣᠷ ᠢ ᠪᠠᠶᠢᠭᠤᠯᠣᠨ᠂ ᠣᠯᠠᠨ ᠲᠦᠮᠡᠨ ᠤ ᠢᠳᠡᠭᠡᠨ ᠣᠮᠳᠠᠭᠠᠨ᠂ ᠡᠮ ᠬᠡᠷᠡᠭᠯᠡᠭᠡᠨ ᠤ ᠠᠮᠣᠷ ᠲᠦᠪᠰᠢᠨ ᠢ ᠪᠠᠳᠣᠯᠠᠨ᠎ᠠ᠃ ᠬᠠᠣᠯᠢ ᠲᠦᠭᠡᠮᠡᠯᠵᠢᠭᠦᠯᠬᠦ᠂ ᠨᠠᠮ  ᠤᠨ ᠰᠣᠷᠳᠠᠯ ᠴᠢᠭᠡᠴᠢ ᠵᠠᠰᠠᠭ᠂ ᠣᠶᠣᠨ ᠤ ᠪᠣᠯᠪᠠᠰᠣᠨ ᠤ ᠴᠣᠭᠴᠠᠯᠠᠯᠳᠠ᠂ ᠬᠦᠮᠦᠨ ᠠᠮᠠ ᠲᠦᠯᠦᠪᠯᠡᠭᠡᠳᠦ ᠭᠦᠩᠭᠡᠵᠢᠯ᠂ ᠡᠮᠡᠭᠳᠡᠶᠢᠴᠣᠳ ᠬᠡᠣᠭᠡᠳ ᠪᠠᠭᠠᠴᠣᠳ᠂ ᠨᠡᠶᠢᠭᠡᠮ ᠤᠨ ᠬᠠᠮᠢᠶᠠᠷᠣᠯᠳᠠ᠂ ᠬᠤᠶᠠᠷ ᠢ ᠬᠦᠷᠢᠶᠡᠯᠡᠬᠦ ᠵᠡᠷᠭᠡ ᠠᠵᠢᠯ ᠢ ᠰᠠᠶᠢᠳᠦᠷ ᠠᠳᠬᠤᠵᠣ᠂ ᠣᠯᠠᠨ ᠲᠦᠮᠠᠨ ᠤ ᠡᠷᠭᠡ ᠠᠰᠢᠭ ᠢ ᠬᠠᠮᠠᠭᠠᠯᠠᠨ᠂ ᠠᠮᠣᠷ ᠲᠣᠭᠳᠠᠭᠤᠨ ᠡᠶ᠎ᠡ ᠵᠤᠬᠢᠴᠠᠯᠳᠠᠢ ᠨᠡᠶᠢᠭᠡᠮ ᠤᠨ ᠣᠷᠴᠢᠨ ᠢ ᠪᠣᠢ ᠪᠣᠯᠭᠠᠨ᠎ᠠ᠃        ᠲᠦᠯᠦᠭᠡᠯᠡᠭᠴᠢᠳ ᠡ᠂ ᠰᠢᠨ᠎ᠡ ᠡᠬᠢᠯᠡᠯᠳᠡ ᠶᠢᠨ ᠴᠡᠭ ᠠᠴᠠ ᠰᠢᠨ᠎ᠡ ᠠᠶᠠᠨ ᠡᠬᠢᠯᠡᠵᠣ᠂ ᠰᠢᠨ᠎ᠡ ᠬᠠᠷᠠᠯᠳᠠ ᠪᠢᠳᠠᠨ ᠳᠤ ᠰᠢᠨ᠎ᠡ ᠡᠭᠦᠷᠭᠡ ᠲᠣᠰᠢᠶᠠᠵᠣ ᠪᠠᠶᠢᠨ᠎ᠠ᠃ ᠪᠢᠳᠡ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠷᠴᠢᠳᠦ ᠣᠳᠣᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠪᠠ ᠵᠢᠯᠣᠭᠤᠳᠣᠯᠭ᠎ᠠ ᠪᠠᠷ ᠰᠡᠳᠬᠢᠯ ᠨᠢᠭᠡᠳᠦᠨ ᠪᠣᠳᠠᠳᠠᠢ ᠠᠵᠢᠯᠯᠠᠵᠣ᠂ ᠲᠣᠰ ᠵᠢᠯ ᠤᠨ ᠡᠯ᠎ᠡ ᠲᠦᠷᠦᠯ ᠤᠨ ᠬᠠᠷᠠᠯᠳᠠ ᠡᠭᠦᠷᠭᠡ ᠪᠠᠨ ᠪᠦᠬᠦ ᠲᠠᠯ᠎ᠠ ᠪᠠᠷ ᠴᠢᠨᠠᠷᠯᠢᠭ ᠪᠡᠶᠡᠯᠡᠭᠦᠯᠬᠦ ᠪᠠᠷ ᠴᠢᠷᠮᠠᠶᠢᠨ ᠲᠡᠮᠡᠴᠡᠰᠦᠭᠡᠢ︕
ᠢᠷᠡᠯᠲᠡ᠄ ᠵᠠᠰᠠᠭ ᠤᠨ ᠤᠷᠳᠤᠨ ᠤ ᠠᠵᠢᠯ ᠤᠨ ᠢᠯᠡᠤᠨᠬᠡᠯ