—— 2017 ᠤᠨ ᠤ 12 ᠰᠠᠷ᠎ᠠ ᠶᠢᠨ 5 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠠᠷᠪᠠᠳᠣᠭᠠᠷ ᠬᠤᠭᠤᠴᠠᠭᠠᠨ ᠤ ᠠᠷᠠᠤᠨ ᠤᠨ | ᠲᠦᠯᠦᠬᠡᠯᠡᠭᠴᠢᠤᠨ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠤᠭᠠᠨ ᠳᠡᠬᠡᠷ᠎ᠠ | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠬᠤᠰᠢᠭᠤ ᠳᠠᠷᠤᠭ᠎ᠠ | | ᠪᠦᠷᠢᠨᠴᠢᠮᠡᠭ | ᠲᠦᠯᠦᠬᠡᠯᠡᠭᠴᠢᠤᠨ ᠡ᠄ | ᠲᠣᠰ ᠬᠤᠭᠤᠴᠠᠭᠠᠨ ᠤ ᠵᠠᠰᠠᠭ ᠤᠨ ᠣᠷᠳᠣᠨ 2012 ᠣᠨ ᠤ 11 ᠰᠠᠷ᠎ᠠ ᠳᠤ ᠲᠣᠰᠢᠶᠠᠯ ᠢᠶᠠᠨ ᠡᠬᠢᠯᠡᠬᠦᠯᠵᠣ᠂ ᠣᠳᠣ ᠲᠣᠰᠢᠶᠠᠯ ᠤᠨ ᠬᠤᠭᠤᠴᠠᠭ᠎ᠠ | ᠲᠠᠭᠤᠰᠪᠠ᠃ ᠡᠳᠤᠬᠡ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ ᠲᠥᠯᠥᠭᠡᠯᠡᠭᠴᠢᠳ ᠬᠢᠨᠠᠨ ᠵᠦᠪᠯᠡᠵᠤ | ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ ᠦᠩᠬᠡᠷᠡᠭᠰᠡᠨ ᠲᠠᠪᠣᠨ ᠵᠢᠯ ᠤᠨ ᠠᠵᠢᠯ ᠤᠨ ᠡᠷᠬᠢᠴᠡᠬᠦᠯᠤᠯ | ᠬᠤᠰᠢᠭᠤᠨ ᠤ ᠶᠢᠰᠣᠳᠣᠭᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠠᠴᠠ ᠨᠠᠭᠠᠰᠢᠬᠢ ᠲᠠᠪᠣᠨ ᠵᠢᠯ ᠪᠣᠯ ᠮᠠᠨ ᠤ ᠬᠤᠰᠢᠭᠤ | ᠰᠠᠭᠤᠷᠢ ᠪᠠᠨ ᠪᠠᠬᠢᠵᠢᠬᠦᠯᠵᠣ᠂ ᠭᠠᠪᠰᠢᠭᠠᠶᠢᠯᠠᠨ ᠬᠦᠴᠦᠷᠬᠡᠭᠵᠢᠭᠰᠡᠨ ᠲᠠᠪᠣᠨ ᠵᠢᠯ᠂ ᠤᠯᠠᠨ ᠳᠠᠶᠠᠭᠠᠷ ᠤᠨ ᠢᠲᠡᠬᠡᠯ ᠵᠣᠷᠢᠭ ᠢ ᠬᠦᠪᠴᠢᠯᠡᠨ ᠦᠢᠯᠡᠰ ᠪᠦᠳᠦᠬᠡᠯᠲᠡ | ᠶᠢᠨ ᠰᠢᠨ᠎ᠡ ᠬᠠᠭᠤᠳᠠᠰᠣ ᠶᠢ ᠪᠢᠴᠢᠭᠯᠡᠭᠰᠡᠨ ᠲᠠᠪᠣᠨ ᠵᠢᠯ ᠪᠣᠯᠣᠨ᠎ᠠ᠃ ᠡᠨᠡ ᠲᠠᠪᠣᠨ ᠵᠢᠯ ᠢᠶᠠᠨ ᠡᠷᠬᠢᠴᠡᠬᠦᠯᠪᠡᠯ᠂ ᠪᠢᠳᠠ ᠰᠢ ᠶᠢᠨ ᠫᠢᠩ ᠤᠨ ᠲᠥᠷᠥ ᠶᠢ ᠵᠠᠰᠠᠨ | ᠵᠠᠰᠠᠭ ᠢ ᠪᠠᠷᠢᠬᠤ ᠰᠢᠨ᠎ᠡ ᠤᠶᠢᠯᠠᠭᠠᠯᠳᠠ᠂ ᠰᠢᠨ᠎ᠡ ᠰᠡᠳᠬᠢᠮᠵᠢ᠂ ᠰᠢᠨ᠎ᠡ ᠪᠤᠳᠤᠯᠭ᠎ᠠ ᠪᠠᠷ ᠵᠢᠯᠣᠭᠤᠳᠣᠯᠭ᠎ᠠ ᠪᠣᠯᠭᠠᠨ᠂ ᠲᠡᠭᠡᠳᠦ ᠱᠠᠳᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠤᠨᠪᠤᠷᠢ ᠳᠤᠬᠢᠷᠠᠭᠤᠯᠭ᠎ᠠ ᠶᠢ ᠰᠡᠳᠬᠢᠯ ᠨᠢᠬᠡᠲᠠᠢ ᠡᠷᠡᠰ ᠰᠢᠭᠤᠷᠬᠠᠢ ᠨᠠᠶᠢᠲᠠᠪᠣᠷᠢᠵᠢᠭᠤᠯᠵᠤ᠂ ᠬᠤᠲᠠ | ᠬᠦᠳᠡᠭᠡ ᠶᠢᠨ ᠨᠢᠬᠡᠳᠣᠯᠲᠡᠢ ᠲᠦᠯᠦᠪᠵᠢᠬᠦᠯᠤᠯᠲᠡ ᠪᠣᠯᠣᠨ ᠲᠦᠪᠯᠡᠷᠡᠩᠬᠦᠢ ᠬᠦᠭᠵᠢᠯᠲᠡ ᠶᠢ ᠪᠠᠷᠢᠮᠲᠠᠯᠠᠨ᠂ ᠥᠭᠬᠢᠶᠡᠮᠥᠷ ᠨᠠᠶᠢᠷᠠᠮᠳᠠᠭᠤ ᠲᠠᠯ᠎ᠠ ᠨᠤᠳᠤᠭ ᠂ | ᠥᠵᠡᠰᠭᠦᠯᠡᠩᠳᠤ ᠰᠠᠶᠢᠬᠠᠨ ᠡᠮᠥᠨᠡᠳᠥ ᠤᠳᠤᠭ ᠢ ᠴᠣᠭᠴᠠᠯᠠᠵᠣ᠂ ︽ᠲᠡᠰ ᠴᠢᠨᠠᠷᠲᠣ ᠮᠠᠯ ᠲᠠᠷᠢᠶᠠᠯᠠᠩ᠂ ᠬᠡᠪ ᠴᠢᠨᠰᠠᠭᠠᠲᠣ ᠮᠠᠯᠵᠢᠬᠤ ᠲᠠᠷᠢᠶᠠᠯᠠᠬᠤ ᠣᠷᠣᠨ᠂ | ᠪᠣᠯᠪᠠᠰᠣᠷᠠᠯ ᠰᠠᠶᠢᠲᠠᠢ ᠮᠠᠯᠴᠢᠨ ᠲᠠᠷᠢᠶᠠᠴᠢᠨ︾᠂ ᠪᠦᠬᠦ ᠴᠠᠷᠠᠭᠠᠨ ᠤ ᠵᠢᠭᠤᠯᠴᠢᠯᠠᠯ᠂ ᠣᠶᠣᠨᠴᠢ ᠡᠮᠣᠨᠡᠲᠣ ᠣᠲᠤᠭ᠂ ᠠᠮᠢ ᠠᠬᠤᠢ ᠶᠢᠨ ᠪᠣᠯᠪᠠᠰᠣᠨ ᠵᠡᠷᠬᠡ ᠣᠯᠠᠨ | ᠲᠠᠯ᠎ᠠ ᠪᠠᠷ ᠬᠦᠴᠦᠯᠡᠨ ᠰᠢᠨ᠎ᠡ ᠶᠢ ᠡᠬᠦᠳᠣᠨ ᠦᠢᠯᠡᠰ ᠪᠦᠲᠦᠬᠡᠵᠣ᠂ ᠦᠬᠡᠷᠡᠴᠢᠯᠠᠯᠲᠡ ᠶᠢᠨ ᠰᠢᠨ᠎ᠡ ᠠᠰᠢᠭ ᠢ ᠲᠠᠰᠣᠷᠠᠯᠲᠠ ᠦᠬᠡᠢ ᠪᠠᠷ ᠬᠦᠭᠵᠢᠯᠲᠡ ᠶᠢᠨ ᠰᠢᠨ᠎ᠡ | ᠬᠦᠳᠡᠯᠬᠡᠭᠴᠢ ᠬᠦᠴᠦᠨ ᠪᠣᠯᠣᠨ ᠠᠷᠠᠳ ᠤᠨ ᠠᠮᠢᠳᠣᠷᠠᠯ ᠤᠨ ᠰᠢᠨ᠎ᠡ ᠠᠰᠢᠭ ᠵᠢᠷᠭᠠᠯ ᠪᠣᠯᠭᠠᠪᠠ᠃ ᠡᠨᠡ ᠲᠠᠪᠣᠨ ᠵᠢᠯ ᠢᠶᠠᠨ ᠡᠷᠬᠢᠴᠡᠬᠦᠯᠪᠡᠯ᠂ ᠪᠢᠳᠠ ᠬᠦᠭᠵᠢᠯᠲᠡ | ᠶᠢᠨ ᠰᠠᠨᠠᠭᠠᠴᠢᠯᠠᠭᠠᠲᠣ ᠡᠷᠬᠡ ᠶᠢ ᠪᠠᠲᠣ ᠡᠵᠡᠮᠳᠡᠵᠣ᠂ ᠣᠶᠣᠨ ᠴᠢᠳᠠᠯ ᠢᠶᠠᠨ ᠲᠦᠪᠯᠡᠷᠡᠬᠦᠯᠣᠨ᠂ ᠣᠯᠠᠨ ᠲᠦᠮᠡᠨ ᠢ ᠬᠦᠴᠢᠷᠳᠡᠬᠦᠯᠣᠨ ᠬᠦᠭᠵᠢᠯᠲᠡ ᠶᠢ ᠬᠢᠵᠠᠭᠠᠷᠯᠠᠵᠤ | ᠪᠦᠬᠦᠢ ᠣᠯᠠᠨ ᠪᠡᠷᠬᠡ ᠠᠰᠠᠭᠤᠳᠠᠯ ᠢ ᠰᠢᠢᠳᠪᠣᠷᠢᠯᠡᠵᠤ᠂ ᠣᠳᠠᠭᠠᠨ ᠡᠳᠣᠷ ᠵᠣᠵᠠᠭᠠᠨ ᠬᠤᠨᠤᠭ ᠰᠦᠪᠡᠭᠴᠢᠯᠡᠭᠰᠡᠨ ᠠᠯᠣᠰ ᠬᠡᠳᠣ ᠶᠢᠨ ᠨᠦᠯᠣᠬᠡ ᠪᠦᠬᠦᠢ ᠠᠷᠪᠢᠨ | ᠣᠴᠢᠷ ᠶᠠᠪᠣᠳᠠᠯ ᠢ ᠪᠦᠲᠦᠬᠡᠵᠣ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠣᠯᠲᠠ᠂ ᠬᠤᠪᠢᠰᠬᠠᠯᠲᠣ ᠬᠦᠮᠣᠵᠢᠯ ᠪᠣᠯᠪᠠᠰᠣᠷᠠᠯ ᠵᠡᠷᠬᠡ ᠭᠤᠣᠯᠳᠠᠯᠭᠠᠲᠣ ᠠᠵᠢᠯ | ᠤᠨ ᠲᠠᠯ᠎ᠠ ᠪᠠᠷ ᠣᠷᠢᠳ ᠦᠬᠡᠢ ᠰᠢᠪᠲᠣᠯᠣᠯᠲᠠ ᠲᠠᠢ ᠪᠣᠯᠪᠠ︔ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠲᠠ᠂ ᠣᠯᠣᠰ ᠤᠨ ᠴᠡᠴᠡᠷᠯᠢᠭᠵᠢᠬᠦᠯᠬᠡ | ᠶᠢᠨ ᠬᠤᠲᠠ᠂ ᠣᠯᠣᠰ ᠤᠨ ᠡᠷᠡᠬᠦᠯ ᠬᠠᠮᠠᠭᠠᠯᠠᠯ ᠤᠨ ᠰᠢᠶᠠᠨ ᠤ ᠬᠤᠲᠠ ᠵᠡᠷᠬᠡ ︽ᠣᠯᠣᠰ ᠤᠨ ᠲᠡᠰ ᠤᠨ ᠠᠯᠳᠠᠷ ᠴᠣᠯᠠ︾ ᠣᠯᠵᠣ᠂ ᠣᠲᠤᠭ ᠤᠨ ᠡᠮᠣᠨᠡᠲᠣ | ᠬᠤᠰᠢᠭᠤ ᠪᠠᠨ ᠣᠯᠠᠮ ᠠᠯᠳᠠᠷᠰᠢᠭᠤᠯᠪᠠ᠃ ᠡᠨᠡ ᠲᠠᠪᠣᠨ ᠵᠢᠯ ᠢᠶᠠᠨ ᠡᠷᠬᠢᠴᠡᠬᠦᠯᠪᠡᠯ᠂ ᠪᠢᠳᠠ ᠬᠦᠭᠵᠢᠯᠲᠡ ᠶᠢᠨ ᠭᠤᠣᠯ ᠵᠦᠷᠢᠴᠡᠯ ᠪᠣᠯᠣᠨ ᠵᠦᠷᠢᠴᠡᠯ ᠤᠨ ᠭᠤᠣᠯ | ᠲᠠᠯ᠎ᠠ ᠶᠢ ᠪᠠᠲᠤ ᠡᠵᠡᠮᠳᠡᠵᠤ᠂ ᠡᠷᠴᠢ ᠬᠦᠴᠦᠨ ᠢᠶᠠᠨ ᠲᠦᠪᠯᠡᠷᠡᠬᠦᠯᠤᠨ ︽ᠴᠢᠨᠠᠷᠵᠢᠭᠤᠨ᠂ ᠲᠦᠷᠬᠡᠨ᠂ ᠪᠣᠳᠠᠲᠠᠢ︾ ᠬᠦᠭᠵᠢᠯᠲᠡ ᠶᠢ ᠪᠡᠶᠡᠯᠡᠬᠦᠯᠵᠤ᠂ 2017 | ᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠵᠢᠱᠢᠯᠲᠡ ᠪᠠᠷ 149 ᠳ᠋ᠦᠩᠰᠢᠭᠤᠷ ᠲᠦᠬᠦᠷᠢᠭ ᠲᠤ ᠬᠦᠷᠴᠤ᠂ ᠬᠦᠮᠤᠨ ᠲᠣᠮᠳᠠᠴᠢ ᠶᠢᠨ | GDP 18.7 ᠲᠦᠮᠡᠨ ᠲᠦᠬᠦᠷᠢᠭ ᠲᠤ ᠬᠦᠷᠦᠨ᠂ ᠦᠪᠡᠷᠲᠡᠭᠡᠨ ᠵᠠᠰᠠᠬᠤ ᠣᠷᠣᠨ ᠤ ᠬᠦᠮᠤᠨ ᠲᠣᠮᠳᠠᠴᠢ ᠦᠷᠲᠡᠭ ᠤᠨ 2.3 ᠲᠠᠬᠢᠨ ᠪᠣᠯᠪᠠ︔ ᠭᠤᠷᠪᠠᠨ | ᠠᠵᠤ ᠦᠢᠯᠡᠰ ᠶᠢᠨ ᠪᠦᠲᠣᠴᠡ 8.7᠄ 60.4᠄ 30.9 ᠪᠣᠯᠵᠣ ᠣᠯᠠᠷᠢᠨ᠂ ᠬᠤᠶᠠᠷ ᠭᠤᠷᠪᠠᠳᠣᠭᠠᠷ ᠠᠵᠤ ᠦᠢᠯᠡᠰ ᠤᠨ ᠲᠠᠶᠢᠴᠢᠯᠠᠬᠤ ᠦᠢᠯᠡᠳᠣᠯ ᠡᠳᠣᠷ | ᠢᠷᠡᠬᠦᠶ᠎ᠠ ᠲᠣᠪᠣᠶᠢᠵᠣ᠂ ᠪᠦᠲᠣᠴᠡ ᠶᠢᠨ ᠬᠤᠪᠢᠷᠠᠭᠤᠯᠣᠯᠲᠠ ᠶᠢᠨ ᠦᠷ᠎ᠡ ᠪᠦᠳᠦᠮᠵᠢ ᠢᠯᠡᠷᠬᠡᠢ ᠪᠣᠯᠪᠠ︔ ᠡᠩ ᠤᠨ ᠲᠦᠰᠤᠪ ᠤᠨ ᠤᠷᠤᠯᠭ᠎ᠠ ᠵᠢᠱᠢᠯᠲᠡ ᠪᠠᠷ 8 | ᠳ᠋ᠥᠩᠰᠢᠭᠤᠷ ᠲᠥᠭᠦᠷᠢᠭ ᠲᠤ ᠭᠥᠷᠥᠨ᠂ ᠪᠦᠬᠦ ᠬᠤᠲᠠ ᠶᠢᠨ ᠨᠢᠬᠡᠳᠣᠯᠲᠡᠢ ᠪᠠᠷᠢᠮᠵᠢᠶ᠎ᠠ ᠪᠠᠷ ᠵᠢᠯ ᠲᠣᠳᠣᠮ 5.5%ᠨᠡᠮᠡᠭᠳᠡᠪᠡ︔ ᠬᠤᠳᠠ ᠬᠦᠳᠡᠭᠡ ᠶᠢᠨ | ᠰᠠᠭᠤᠭᠠᠯᠢ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠵᠢᠱᠢᠯᠲᠡ ᠪᠠᠷ ᠳᠤᠰᠪᠤᠷᠢ 41575 ᠲᠦᠬᠦᠷᠢᠭ ᠪᠠ 17007 ᠲᠦᠬᠦᠷᠢᠭ ᠲᠤ | ᠬᠦᠷᠴᠤ᠂ ᠤᠷᠤᠯᠭ᠎ᠠ ᠶᠢᠨ ᠵᠦᠷᠢᠶ᠎ᠡ ᠪᠠᠭᠠᠰᠣᠨ 2.4᠄ 1 ᠪᠣᠯᠪᠠ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ | 25 ᠳ᠋ᠦᠩᠰᠢᠭᠤᠷ ᠲᠦᠬᠦᠷᠢᠭ ᠲᠤ ᠬᠦᠷᠤᠨ᠂ ᠵᠢᠯ ᠲᠣᠳᠣᠮ 12.2% ᠨᠡᠮᠡᠭᠳᠡᠪᠠ︔ ᠲᠠᠪᠣᠨ ᠵᠢᠯ ᠤᠨ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ | 1312.4 ᠳ᠋ᠥᠩᠰᠢᠭᠤᠷ ᠲᠥᠭᠦᠷᠢᠭ ᠲᠤ ᠭᠥᠷᠥᠨ᠂ ᠬᠤᠰᠢᠭᠤ ᠪᠠᠶᠢᠭᠤᠯᠣᠭᠳᠠᠭᠰᠠᠨ ᠠᠴᠠ ᠨᠠᠭᠠᠰᠢᠬᠢ ᠶᠡᠷᠣᠩᠬᠡᠢ ᠬᠡᠮᠵᠢᠶ᠎ᠡ ᠶᠢᠨ 2.1 ᠲᠠᠬᠢᠨ ᠪᠣᠯᠪᠠ᠃ | ᠲᠦᠯᠦᠭᠡᠯᠡᠭᠴᠢᠳ ᠡ᠂ ᠲᠡᠣᠬᠡ ᠶᠢᠨ ᠤᠷᠳᠤ ᠠᠶᠠᠨ ᠳᠤ ᠠᠪᠴᠤ ᠬᠡᠯᠡᠪᠡᠯ ᠲᠠᠪᠣᠨ ᠵᠢᠯ ᠬᠤᠷᠣᠮ ᠵᠠᠭᠤᠷ᠎ᠠ ᠲᠡᠳᠣᠢ ᠪᠣᠯᠪᠠᠴᠤ᠂ ᠨᠢᠬᠡ ᠭᠠᠵᠠᠷ ᠣᠷᠣᠨ | ᠳᠤ ᠠᠪᠴᠤ ᠬᠡᠯᠡᠪᠡᠯ ᠬᠦᠨᠵᠡᠬᠡᠢ ᠦᠭᠡᠷᠡᠴᠢᠯᠡᠯᠲᠡ ᠭᠥᠴᠥᠳᠤ ᠰᠢᠪᠲᠣᠯᠣᠯᠲᠠ ᠲᠠᠢ ᠣᠯᠠᠷᠢᠨ ᠬᠤᠪᠢᠰᠣᠯᠲᠠ ᠪᠣᠯᠬᠤ ᠶᠣᠮ᠃ ᠲᠠᠪᠤᠨ ᠵᠢᠯ ᠬᠦᠴᠦᠯᠡᠨ ᠲᠡᠮᠡᠴᠡᠬᠡᠳ | ᠲᠤᠭ᠎ᠠ ᠬᠡᠮᠵᠢᠶᠡᠨ ᠤ ᠡᠷᠴᠢᠯᠢᠭ ᠦᠰᠦᠯᠲᠡ ᠲᠠᠢ ᠪᠣᠯᠵᠣ᠂ ᠪᠣᠳᠠᠲᠣ ᠬᠦᠴᠦᠨ ᠤ ᠲᠠᠪᠠᠭᠤ ᠪᠠᠶᠢᠷᠢ ᠡᠵᠡᠯᠡᠵᠤ᠂ ᠪᠢᠳᠡᠨ ᠤ ᠬᠦᠭᠵᠢᠯᠲᠡ ᠶᠢᠨ ᠡᠷᠴᠢ ᠬᠦᠴᠦᠨ᠂ | ᠲᠠᠪᠠᠯᠲᠠ ᠶᠢᠨ ᠢᠲᠡᠭᠡᠯ ᠵᠣᠷᠢᠭ ᠨᠡᠮᠡᠭᠳᠡᠭᠰᠡᠨ ᠪᠠᠶᠢᠨ᠎ᠠ᠃ ᠡᠨᠡ ᠲᠠᠪᠣᠨ ᠵᠢᠯ ᠳᠤ ᠪᠢᠳᠠ ᠵᠤᠷᠢᠯᠲᠠ ᠪᠠᠨ ᠮᠠᠷᠲᠠᠯ ᠦᠬᠡᠢ ᠬᠠᠳᠠᠭᠤᠵᠢᠯᠲᠠᠢ ᠲᠡᠮᠡᠴᠡᠨ᠂ ᠬᠦᠭᠵᠢᠯᠲᠡ | ᠶᠢᠨ ᠵᠢᠱᠢᠯᠲᠡ ᠪᠣᠯᠣᠨ ᠣᠯᠠᠨ ᠲᠦᠮᠡᠨ ᠤ ᠬᠦᠰᠡᠯ ᠢ ᠢᠮᠠᠭᠲᠠ ᠴᠢᠬᠤᠯᠠᠴᠢᠯᠠᠵᠤ᠂ ᠦᠨᠳᠣᠰᠣᠨ ᠱᠠᠲᠣᠨ ᠤ ᠰᠢᠨᠡᠴᠢᠯᠡᠯ ᠢᠶᠠᠷ ᠲᠡᠬᠡᠳᠣ ᠪᠣᠳᠣᠯᠭ᠎ᠠ ᠶᠢ | ᠨᠠᠶᠢᠲᠠᠪᠣᠷᠢᠵᠢᠭᠤᠯᠣᠨ᠂ ᠠᠷᠭ᠎ᠠ ᠪᠠᠷᠢᠯ ᠢᠶᠠᠨ ᠬᠤᠪᠢᠷᠠᠭᠤᠯᠣᠨ ᠪᠠᠶᠢᠳᠠᠯ ᠬᠤᠪᠢᠷᠠᠯᠲᠠ ᠶᠢ ᠣᠭᠲᠣᠵᠣ᠂ ᠪᠦᠬᠦ ᠬᠤᠰᠢᠭᠤᠨ ᠤ ᠬᠦᠴᠦᠨ ᠪᠦᠬᠦ ᠠᠷᠠᠳ ᠤᠨ ᠣᠶᠣᠨ | ᠢ ᠲᠦᠪᠯᠡᠷᠡᠬᠦᠯᠣᠨ᠂ ᠬᠦᠭᠵᠢᠯᠲᠡ ᠶᠢᠨ ᠲᠦᠪᠯᠡᠷᠡᠯ ᠠᠷᠠᠳ ᠤᠨ ᠠᠮᠢᠳᠣᠷᠠᠯ ᠤᠨ ᠰᠠᠶᠢᠵᠢᠷᠠᠯ ᠢ ᠵᠢᠷᠣᠭᠯᠠᠵᠤ᠂ ᠲᠠᠰᠣᠷᠠᠯᠲᠠ ᠦᠬᠡᠢ ᠪᠠᠷ ᠠᠵᠣ ᠠᠬᠤᠢ ᠨᠡᠶᠢᠬᠡᠮ ᠤᠨ | ᠬᠦᠭᠵᠢᠯᠲᠡ ᠶᠢᠨ ᠰᠢᠨ᠎ᠠ ᠪᠠᠶᠢᠳᠠᠯ ᠢ ᠪᠣᠢ ᠪᠣᠯᠭᠠᠨ ᠰᠢᠨ᠎ᠡ ᠱᠠᠲᠣᠨ ᠳᠤ ᠭᠠᠷᠭᠠᠪᠠ᠃ | ᠲᠠᠪᠣᠨ ᠵᠢᠯ ᠤᠨ ᠲᠣᠷᠰᠢ᠂ ᠪᠢᠳᠠ ᠪᠣᠳᠠᠲᠣ ᠴᠣᠭᠴᠠ ᠶᠢᠨ ᠠᠵᠤ ᠠᠬᠤᠢ ᠶᠢ ᠬᠦᠴᠦᠯᠡᠨ ᠪᠣᠶᠢᠵᠢᠭᠤᠯᠵᠣ᠂ ᠬᠦᠴᠦ ᠪᠠᠨ ᠲᠦᠪᠯᠡᠷᠡᠬᠦᠯᠣᠨ ᠴᠢᠬᠤᠯᠠ | ᠵᠦᠢᠯ ᠤᠨ ᠬᠢᠵᠠᠭᠠᠷᠯᠠᠯ ᠢ ᠰᠢᠪᠳᠣᠯᠵᠣ᠂ ᠠᠵᠣ ᠦᠢᠯᠡᠳᠪᠣᠷᠢ ᠶᠢᠨ ᠠᠵᠤ ᠠᠬᠤᠢ ᠶᠢ ᠪᠣᠵᠠᠭᠠᠶᠢᠷᠠᠯ ᠬᠦᠴᠦᠷᠬᠡᠭᠵᠢᠯ ᠤᠨ ᠰᠢᠨ᠎ᠠ ᠱᠠᠲᠣᠨ ᠳᠤ ᠭᠠᠷᠭᠠᠪᠠ᠃ | ᠢᠮᠠᠭᠲᠠ ᠠᠵᠣ ᠦᠢᠯᠡᠳᠪᠣᠷᠢ ᠶᠢᠨ ᠲᠣᠯᠭᠠᠷᠢᠭᠤᠯᠣᠯ ᠤᠨ ᠴᠢᠩᠭᠠᠳᠬᠠᠯᠲᠠ ᠪᠠᠷ ᠠᠷᠠᠳ ᠢᠶᠠᠨ ᠪᠠᠶᠠᠵᠢᠭᠤᠯᠣᠨ ᠬᠤᠰᠢᠭᠤ ᠪᠠᠨ ᠬᠦᠴᠦᠷᠬᠡᠭᠵᠢᠬᠦᠯᠬᠦ ᠴᠢᠬᠤᠯᠠ | ᠭᠠᠷᠳᠠᠴᠠ ᠪᠣᠯᠭᠠᠨ᠂ ᠨᠡᠬᠦᠷᠡᠰᠤ ᠪᠠᠷ ᠰᠠᠭᠤᠷᠢᠯᠠᠭᠤᠯᠵᠣ ᠨᠡᠬᠦᠷᠡᠰᠣᠨ ᠴᠠᠬᠢᠯᠭᠠᠨ ᠢᠶᠠᠷ ᠲᠣᠯᠭᠠᠭᠤᠷᠢᠯᠠᠭᠤᠯᠣᠨ ᠪᠣᠬᠢᠷᠳᠣᠯ ᠦᠬᠡᠢ ᠡᠨᠧᠷᠬᠢ ᠶᠢᠨ ᠠᠵᠣ ᠦᠢᠯᠡᠰ ᠢᠶᠠᠷ | ᠨᠦᠬᠦᠪᠣᠷᠢᠯᠡᠭᠰᠡᠨ ᠰᠢᠨ᠎ᠡ ᠬᠡᠯᠪᠡᠷᠢ ᠶᠢᠨ ᠠᠵᠤ ᠦᠢᠯᠡᠳᠪᠣᠷᠢ ᠶᠢᠨ ᠰᠢᠰᠲ᠋ᠧᠮ ᠢ ᠬᠦᠴᠦᠯᠡᠨ ᠪᠦᠷᠢᠯᠳᠣᠬᠦᠯᠵᠣ᠂ ᠠᠵᠣ ᠦᠢᠯᠡᠳᠪᠣᠷᠢ ᠶᠢᠨ ᠨᠡᠮᠡᠭᠳᠡᠯ ᠦᠷᠲᠡᠭ | ᠵᠢᠱᠢᠯᠲᠡ ᠪᠠᠷ 72 ᠳ᠋ᠦᠩᠰᠢᠭᠤᠷ ᠲᠦᠬᠦᠷᠢᠭ ᠲᠤ ᠭᠦᠷᠴᠣ᠂ ᠵᠢᠯ ᠲᠣᠳᠣᠮ 12.8% ᠪᠠᠷ ᠨᠡᠮᠡᠭᠳᠡᠪᠡ︔ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠰᠠᠭᠤᠷᠢᠨ | ᠤ ᠡᠵᠡᠩᠨᠡᠯᠲᠡ ᠶᠢᠨ ᠣᠷᠣᠯᠭ᠎ᠠ 727.6 ᠳ᠋ᠦᠩᠰᠢᠭᠤᠷ ᠲᠦᠬᠦᠷᠢᠭ ᠲᠤ ᠬᠦᠷᠪᠡ︔ ᠬᠦᠷᠢᠶᠡᠯᠡᠩ ᠲᠣᠭᠤᠷᠢᠭ ᠤᠨ ᠬᠦᠭᠵᠢᠯᠲᠡ ᠲᠠᠢ ᠬᠤᠯᠪᠣᠭᠳᠠᠬᠤ 31 ᠰᠠᠭᠤᠷᠢ | ᠲᠦᠯᠦᠪᠵᠢᠬᠦᠯᠭᠡ ᠵᠠᠯᠭᠠᠪᠡᠷ ᠴᠣᠬᠤᠯᠠᠪᠣᠷᠢᠯᠠᠭᠳᠠᠨ᠂ ᠬᠠᠲᠣᠨ ᠭᠤᠣᠯ ᠠᠴᠠ ᠣᠰᠣ ᠵᠠᠯᠠᠨ ᠣᠰᠣ ᠬᠠᠩᠭᠠᠬᠤ᠂ ᠴᠠᠬᠢᠯᠭᠠᠨ ᠬᠠᠩᠭᠠᠬᠤ᠂ ᠵᠠᠮ ᠬᠠᠷᠢᠯᠴᠠᠭ᠎ᠠ ᠵᠡᠷᠬᠡ | ᠰᠠᠭᠤᠷᠢ ᠲᠦᠬᠦᠭᠡᠷᠤᠮᠵᠢ ᠡᠳᠣᠷ ᠢᠷᠡᠬᠦᠶ᠎ᠠ ᠲᠡᠬᠦᠯᠳᠡᠷᠵᠢᠭᠰᠡᠨ ᠠᠴᠠ ᠣᠯᠣᠰ ᠤᠨ ᠪᠠᠶᠢᠯᠳᠣᠬᠤ ᠪᠣᠳᠣᠯᠭ᠎ᠠ ᠶᠢᠨ ᠲᠠᠪᠬᠤᠷᠭ᠎ᠠ ᠳᠤ ᠲᠠᠪᠰᠢᠨ ᠠᠬᠢᠭᠤᠯᠣᠭᠳᠠᠪᠠ᠃ | ᠲᠠᠪᠣᠨ ᠵᠢᠯ ᠳᠤ 270 ᠡᠯ᠎ᠡ ᠲᠦᠷᠦᠯ ᠤᠨ ᠴᠣᠬᠤᠯᠠᠪᠣᠷᠢᠯᠠᠭᠤᠯᠣᠬᠤ ᠭᠠᠷᠳᠠᠮ ᠢ ᠲᠦᠪᠯᠡᠷᠡᠬᠦᠯᠣᠨ ᠬᠦᠢᠴᠡᠳᠬᠡᠵᠣ᠂ ᠳ᠋ᠦᠩᠰᠢᠭᠤᠷ ᠲᠦᠬᠦᠷᠢᠭ ᠠᠴᠠ ᠲᠠᠪᠠᠭᠰᠠᠨ | 32 ᠴᠢᠬᠤᠯᠠ ᠶᠡᠭᠡ ᠠᠵᠣ ᠦᠢᠯᠡᠳᠪᠣᠷᠢ ᠶᠢᠨ ᠲᠦᠷᠦᠯ ᠵᠦᠢᠯ ᠢ ᠬᠡᠷᠡᠭᠵᠢᠬᠦᠯᠣᠨ᠂ ᠶᠡᠷᠣᠩᠬᠡᠢ ᠪᠡᠯᠡ ᠣᠷᠣᠭᠤᠯᠣᠯᠲᠠ 1000 ᠳ᠋ᠦᠩᠰᠢᠭᠤᠷ ᠲᠦᠬᠦᠷᠢᠭ ᠠᠴᠠ | ᠲᠠᠪᠠᠵᠣ᠂ ᠪᠦᠲᠦᠮᠵᠢᠲᠠᠢ ᠪᠡᠯᠡ ᠣᠷᠣᠭᠤᠯᠣᠯᠲᠠ 300 ᠳ᠋ᠦᠩᠰᠢᠭᠤᠷ ᠲᠦᠬᠦᠷᠢᠭ ᠲᠤ ᠬᠦᠷᠪᠡ᠃ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ | ᠬᠦᠷᠬᠡᠬᠦ ᠱᠤᠭᠤᠮ ᠣᠯᠣᠰ ᠤᠨ ᠠᠭᠠᠷ ᠮᠠᠨᠳᠠᠯ ᠤᠨ ᠪᠣᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ ᠳᠤ ᠣᠷᠣᠵᠣ ᠵᠦᠪᠰᠢᠶᠠᠷᠠᠯ ᠣᠯᠵᠣ | ᠪᠠᠶᠢᠭᠤᠯᠤᠭᠳᠠᠨ᠂ ᠨᠡᠬᠦᠷᠡᠰᠣᠨ ᠴᠠᠬᠢᠯᠭᠠᠨ ᠢ ᠭᠠᠳᠠᠭᠰᠢ ᠬᠦᠷᠬᠡᠬᠦ ᠬᠡᠪᠴᠢᠶᠡᠵᠢᠯ 400 ᠲᠦᠮᠡᠨ ᠺᠢᠯᠤᠸᠠᠲ ᠠᠴᠠ ᠲᠣᠬᠢᠷᠠᠭᠤᠯᠣᠭᠳᠠᠨ1000 ᠲᠦᠮᠡᠨ ᠺᠢᠯᠤᠸᠠᠲ | ᠲᠤ ᠬᠦᠷᠴᠦ᠂ ᠲᠦᠬᠦᠷ ᠴᠠᠬᠢᠯᠭᠠᠨ ᠣᠶᠢᠯᠠᠳᠪᠦᠷᠢ ᠶᠢᠨ ᠲᠦᠯᠦᠪᠵᠢᠬᠦᠯᠭᠡ ᠢᠵᠢᠯ ᠠᠯᠬᠤᠮ ᠢᠶᠠᠷ ᠵᠦᠪᠰᠢᠶᠡᠷᠡᠯ ᠣᠯᠵᠣ᠂ 3 ᠴᠠᠬᠢᠯᠭᠠᠨ ᠦᠢᠯᠡᠳᠪᠣᠷᠢ ᠶᠢᠨ | ᠲᠦᠷᠦᠯ ᠵᠦᠢᠯ ᠵᠦᠪᠰᠢᠶᠡᠷᠡᠯ ᠣᠯᠵᠣ 2 ᠨᠢ ᠪᠠᠷᠢᠯᠭ᠎ᠠ ᠡᠬᠢᠯᠡᠨ᠂ ᠲᠦᠬᠦᠷᠴᠢᠯᠡᠭᠰᠡᠨ 9 ᠨᠡᠬᠦᠷᠡᠰᠣᠨ ᠠᠭᠤᠷᠬᠠᠢ ᠶᠢᠨ 6 ᠨᠢ ᠨᠢᠬᠡᠨᠲᠡ ᠪᠠᠶᠢᠭᠤᠯᠣᠭᠳᠠᠨ᠂ | ᠨᠡᠬᠦᠷᠡᠰᠣᠨ ᠭᠠᠷᠣᠯᠲᠠ ᠨᠡᠶᠢᠲᠡ 4000 ᠲᠦᠮᠡᠨ ᠲᠣᠨ ᠬᠦᠷᠪᠡ︔ 130 ᠲᠦᠮᠡᠨ ᠲᠣᠨ ᠬᠡᠣᠷᠡᠰᠤ ᠪᠣᠯᠪᠠᠰᠣᠷᠠᠭᠤᠯᠬᠤ ᠣᠯᠠᠨ ᠬᠤᠯᠪᠣᠭᠠᠲᠣ ᠦᠢᠯᠡᠳᠪᠣᠷᠢᠯᠡᠯ | ᠤᠨ ᠲᠦᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ ᠣᠷᠣᠵᠣ᠂ ᠬᠤᠸᠠ ᠰᠢᠩ ᠤᠨ40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ | ᠲᠦᠷᠦᠯ ᠵᠣᠶᠢᠯ ᠵᠦᠪᠰᠢᠶᠡᠷᠡᠬᠦᠯᠬᠦ ᠵᠠᠩᠬᠢᠯᠠᠭ᠎ᠠ ᠶᠢᠨ ᠱᠠᠳᠣᠨ ᠳᠤ ᠣᠷᠣᠵᠣ᠂ 60 ᠲᠦᠮᠡᠨ ᠲᠣᠨ ᠨᠡᠬᠦᠷᠡᠰᠤ ᠪᠠᠷ ᠠᠯᠺᠸᠠ ᠤᠶᠢᠯᠡᠤᠨᠬᠦ ᠲᠦᠷᠦᠯ ᠵᠣᠶᠢᠯ ᠤᠨ | ᠡᠮᠣᠨ᠎ᠡ ᠬᠤᠭᠤᠴᠠᠭᠠᠨ ᠤ ᠠᠵᠢᠯ ᠶᠠᠭ ᠶᠠᠪᠣᠭᠳᠠᠵᠣ ᠪᠣᠢ᠃ ᠰᠢᠳᠠᠮᠠᠬᠠᠢ ᠬᠡᠢ ᠶᠢᠨ ᠬᠤᠤᠨᠳᠤᠭ ᠢ ᠰᠢᠨ᠎ᠠ ᠪᠠᠷ 2300 ᠦᠷᠤᠮᠳᠡᠵᠤ᠂ 28 ᠬᠡᠢ ᠶᠢᠨ ᠦᠷᠲᠡᠭᠡ | ᠪᠠᠶᠢᠭᠤᠯᠤᠨ᠂ ᠬᠡᠢ ᠳᠠᠮᠵᠢᠭᠤᠯᠬᠤ ᠬᠤᠭᠤᠯᠠᠢ ᠶᠢ 3300 ᠺᠢᠯᠤᠮᠧᠲᠷ ᠲᠠᠷᠣᠵᠣ᠂ ᠰᠢᠳᠠᠮᠠᠬᠠᠢ ᠬᠡᠢ ᠶᠢᠨ ᠭᠠᠷᠤᠯᠳᠠ 245 ᠳ᠋ᠦᠩᠰᠢᠭᠤᠷ ᠺᠦᠪ ᠮᠧᠲᠷ ᠲᠤ | ᠬᠦᠷᠴᠦ᠂ ᠪᠠᠶᠢᠭᠤᠯᠣᠭᠳᠠᠭᠰᠠᠨ ᠪᠠ ᠪᠠᠶᠢᠭᠤᠯᠵᠤ ᠪᠦᠬᠦᠢ LNG ᠲᠦᠷᠦᠯ ᠵᠣᠶᠢᠯ ᠤᠨ ᠶᠡᠷᠣᠩᠬᠡᠢ ᠬᠡᠪᠴᠢᠶᠡᠵᠢᠯ 120 ᠲᠦᠮᠡᠨ ᠲᠣᠨ ᠬᠦᠷᠪᠡ᠃ ᠲᠠᠪᠣᠨ ᠵᠢᠯ | ᠤᠨ ᠬᠦᠴᠦᠯᠡᠯᠲᠡ ᠪᠠᠷ ᠬᠦᠭᠵᠢᠯᠲᠡ ᠶᠢᠨ ᠲᠠᠪᠠᠭᠤᠯᠢᠭ ᠢ ᠵᠣᠵᠠᠭᠠᠳᠬᠠᠭᠰᠠᠨ ᠮᠦᠷᠲᠡᠭᠡᠨ ᠬᠦᠭᠵᠢᠯᠲᠡ ᠶᠢᠨ ᠬᠦᠳᠡᠯᠭᠡᠭᠴᠢ ᠬᠦᠴᠤᠨ ᠢ ᠨᠡᠮᠡᠭᠳᠡᠬᠦᠯᠣᠭ᠍ᠰᠡᠨ ᠪᠠᠶᠢᠨ᠎ᠠ᠃ | | ᠲᠠᠪᠣᠨ ᠵᠢᠯ ᠤᠨ ᠲᠣᠷᠰᠢ᠂ ᠪᠢᠳᠠ ᠮᠠᠯ ᠲᠠᠷᠢᠶᠠᠯᠠᠩ ᠤᠨ ᠬᠠᠩᠭᠠᠯᠠᠭ᠎ᠠ ᠶᠢᠨ ᠲᠠᠯ᠎ᠠ ᠶᠢ ᠬᠦᠴᠦᠯᠡᠨ ᠰᠢᠯᠢᠳᠡᠭᠵᠢᠬᠦᠯᠵᠣ᠂ ᠠᠵᠤ ᠦᠢᠯᠡᠰ ᠤᠨ ᠪᠦᠲᠦᠴᠡ | ᠶᠢᠨ ᠲᠣᠬᠢᠷᠠᠭᠤᠯᠣᠯᠲᠠ ᠶᠢ ᠬᠦᠨᠵᠡᠬᠡᠢ ᠠᠬᠢᠭᠤᠯᠵᠣ᠂ ᠣᠳᠣ ᠦᠶ᠎ᠡ ᠶᠢᠨ ᠮᠠᠯ ᠲᠠᠷᠢᠶᠠᠯᠠᠩ ᠤᠨ ᠦᠢᠯᠡᠰ ᠢ ᠴᠢᠨᠠᠷ ᠤᠨ ᠳᠡᠬᠡᠭᠰᠢᠯᠡᠯ ᠦᠷ᠎ᠡ ᠠᠰᠢᠭ ᠤᠨ ᠨᠡᠮᠡᠭᠳᠡᠯ | ᠤᠨ ᠰᠢᠨ᠎ᠠ ᠱᠠᠲᠣᠨ ᠳᠤ ᠭᠠᠷᠭᠠᠪᠠ᠃ ᠮᠠᠯ ᠲᠠᠷᠢᠶᠠᠯᠠᠩ ᠤᠨ ᠦᠷ᠎ᠡ ᠠᠰᠢᠭ ᠤᠨ ᠨᠡᠮᠡᠭᠳᠡᠯ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ᠂ ᠮᠠᠯᠵᠢᠬᠤ | ᠲᠠᠷᠢᠶᠠᠯᠠᠬᠤ ᠣᠷᠣᠨ ᠤ ᠠᠮᠢ ᠠᠬᠤᠢ ᠶᠢᠨ ᠰᠠᠶᠢᠵᠢᠷᠠᠯᠲᠠ ᠶᠢ ᠢᠮᠠᠭᠲᠠ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ | ᠠᠰᠠᠭᠤᠳᠠᠯ ᠢ ᠰᠢᠢᠳᠪᠣᠷᠢᠯᠡᠬᠦ ᠴᠢᠬᠤᠯᠠ ᠭᠠᠷᠳᠠᠴᠠ ᠪᠣᠯᠭᠠᠨ᠂ ᠲᠠᠷᠢᠵᠣ ᠲᠡᠵᠢᠬᠡᠬᠦ ᠪᠦᠲᠦᠴᠡ ᠶᠢᠨ ᠲᠣᠬᠢᠷᠠᠭᠤᠯᠣᠯᠲᠠ ᠪᠠᠷ ᠬᠠᠩᠭᠠᠯᠠᠭ᠎ᠠ ᠶᠢᠨ ᠲᠠᠯ᠎ᠠ ᠶᠢ | ᠰᠢᠯᠢᠳᠡᠭᠵᠢᠬᠦᠯᠵᠣ᠂ ᠲᠠᠭᠤᠷᠢᠶᠠᠯ ᠲᠠᠶᠢᠴᠢᠯᠠᠯᠲᠠ ᠪᠠᠷ ᠠᠵᠤ ᠦᠢᠯᠡᠰ ᠤᠨ ᠪᠦᠲᠦᠴᠡ ᠶᠢ ᠰᠢᠯᠢᠳᠡᠭᠵᠢᠬᠦᠯᠣᠨ᠂ ᠠᠮᠣ ᠪᠣᠳᠠᠭᠠᠠᠵᠣ ᠠᠬᠤᠢ ᠶᠢᠨ ᠲᠠᠷᠢᠮᠠᠯ | ᠲᠡᠵᠢᠬᠡᠯ ᠡᠪᠡᠰᠣ ᠪᠣᠷᠳᠤᠭ᠎ᠠ ᠶᠢᠨ ᠬᠠᠷᠢᠴᠠᠯ ᠢ 2012 ᠤᠨ ᠤ 73᠄ 11᠄ 16 ᠠᠴᠠ ᠰᠢᠯᠢᠳᠡᠭᠵᠢᠬᠦᠯᠣᠨ 54᠄ 18᠄ 28 ᠪᠣᠯᠭᠠᠵᠤ᠂ ᠣᠨᠴᠠᠯᠢᠭᠲᠣ | ᠠᠵᠣ ᠠᠬᠤᠢ ᠶᠢᠨ ᠲᠠᠷᠢᠮᠠᠯ ᠢ 10 ᠲᠦᠮᠡᠨ ᠮᠣ᠋ ᠠᠴᠠ ᠲᠠᠪᠠᠭᠤᠯᠣᠨ᠂ 24 ᠲᠦᠮᠡᠨ ᠮᠣ᠋ ᠬᠡᠪᠴᠢᠶᠡᠵᠢᠭᠰᠡᠨ ᠲᠠᠷᠢᠮᠠᠯ ᠤᠨ ᠰᠠᠭᠤᠷᠢᠨ᠂ 22 ᠲᠦᠮᠡᠨ ᠮᠣ᠋ ᠴᠢᠨᠠᠷ | ᠰᠠᠶᠢᠲᠠᠢ ᠲᠡᠵᠢᠬᠡᠯ ᠡᠪᠡᠰᠣ ᠪᠣᠷᠳᠣᠭᠠᠨ ᠰᠠᠭᠤᠷᠢᠨ ᠢ ᠪᠠᠶᠢᠭᠤᠯᠵᠣ᠂ ᠵᠢᠯ ᠪᠤᠯᠭᠠᠨ ᠲᠤᠭᠳᠠᠪᠤᠷᠢᠳᠠᠢ ᠪᠠᠷ 140 ᠲᠦᠮᠡᠨ ᠪᠤᠭ ᠮᠠᠯ ᠪᠤᠷᠤᠯᠠᠭᠤᠯᠤᠨ᠂ 11.8 | ᠲᠦᠮᠡᠨ ᠠᠯᠠᠰᠢᠨ ᠦᠬᠡᠷ ᠪᠤᠷᠳᠤᠬᠤ ᠬᠡᠪᠴᠢᠶᠡᠵᠢᠯ ᠲᠠᠢ ᠪᠤᠯᠪᠠ︔ ᠠᠵᠣ ᠦᠢᠯᠡᠰ ᠤᠨ ᠪᠦᠲᠣᠴᠡ ᠶᠢᠨ ᠲᠣᠬᠢᠷᠠᠭᠤᠯᠣᠯᠲᠠ ᠶᠢᠨ ᠲᠠᠭᠤᠷᠢᠶᠠᠯ ᠭᠠᠴᠠᠭ᠎ᠠ ᠲᠣᠰᠬᠤᠨ | ᠢ 25᠂ ᠲᠡᠵᠢᠬᠡᠪᠣᠷᠢ ᠶᠢᠨ ᠬᠦᠷᠢᠶᠡᠯᠡᠩ ᠢ 13᠂ ᠭᠡᠷ ᠪᠥᠯᠢ ᠶᠢᠨ ᠮᠠᠯ ᠲᠠᠷᠢᠶᠠᠯᠠᠩ ᠤᠨ ᠲᠠᠯᠠᠪᠠᠢ ᠶᠢ 510 ᠬᠦᠷᠬᠡᠨ᠂ ᠮᠠᠯ ᠲᠠᠷᠢᠶᠠᠯᠠᠩ ᠤᠨ ᠠᠵᠤ ᠦᠢᠯᠡᠰ | ᠤᠨ ᠪᠦᠲᠦᠴᠡ ᠶᠢ ᠬᠦᠨᠵᠡᠬᠡᠢ ᠲᠣᠬᠢᠷᠠᠭᠤᠯᠪᠠ᠃ ᠲᠠᠶᠢᠴᠢᠯᠠᠭᠴᠢ ᠪᠣᠶᠢᠵᠢᠭᠤᠯᠣᠨ ︽ᠵᠢᠷᠭᠤᠭᠠᠵᠢᠯᠲᠠ ᠶᠢᠨ ᠬᠤᠯᠪᠣᠭᠠᠯᠠᠯ︾ ᠢ ᠠᠬᠢᠭᠤᠯᠵᠣ᠂ ᠨᠡᠷᠡᠳᠣ ᠲᠡᠮᠲᠡᠭ ᠢᠶᠠᠷ | ᠵᠠᠬ᠎ᠠ ᠳᠡᠯᠬᠡᠬᠦᠷ ᠨᠡᠬᠡᠬᠡᠵᠣ᠂ ᠬᠤᠳᠠ ᠶᠢᠨ ᠳᠡᠰ ᠠᠴᠠ ᠲᠡᠬᠡᠭᠰᠢᠬᠢ ᠳᠤᠯᠤᠭᠠᠶᠢᠯᠠᠭᠴᠢ ᠠᠵᠤ ᠠᠬᠤᠶᠢᠯᠠᠯ ᠢ 24᠂ ᠮᠠᠯᠴᠢᠨ ᠳᠠᠷᠢᠶᠠᠴᠢᠤᠨ ᠤᠨ ᠳᠤᠰᠬᠠᠢ ᠬᠠᠮᠳᠤᠷᠠᠯ | ᠬᠤᠷᠰᠢᠶ᠎ᠠ ᠶᠢ 290 ᠪᠤᠶᠢᠵᠢᠭᠤᠯᠵᠤ᠂ ᠠᠯᠠᠰᠢᠨ ᠪᠣᠭ ᠮᠠᠯ᠂ ᠠᠯᠠᠰᠢᠨ ᠦᠬᠡᠷ ᠡᠳ᠋ᠰᠢᠬᠦᠯᠬᠦ ᠴᠢᠳᠠᠪᠣᠷᠢ ᠶᠢ 40 ᠲᠦᠮᠡ ᠪᠠ 2 ᠲᠦᠮᠡᠨ ᠲᠣᠯᠣᠭᠠᠢ ᠳᠤ ᠬᠦᠷᠬᠡᠪᠡ | ︔ ᠮᠠᠯ ᠤᠨ ᠡᠬᠦᠯᠳᠡᠷ ᠰᠠᠶᠢᠵᠢᠷᠠᠭᠤᠯᠬᠤ ᠪᠠ ᠬᠡᠭᠡᠯᠳᠥᠭᠦᠯᠭᠦ ᠦᠷᠲᠡᠭᠡ 21 ᠪᠠᠶᠢᠭᠤᠯᠣᠨ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ 3 ᠵᠠᠬ᠎ᠠ ᠲᠡᠯᠭᠡᠬᠦᠷ ᠢ ᠰᠢᠨ᠎ᠠ | ᠪᠠᠶᠢᠭᠤᠯᠵᠣ᠂ ︽ᠭᠤᠷᠪᠠᠨ ᠪᠦᠳᠤᠬᠡᠭᠳᠡᠬᠦᠨ ᠨᠢᠬᠡ ᠢᠯᠡᠤᠨᠬᠡᠯ ᠳᠠᠩᠰᠠᠯᠠᠯᠳᠠ︾ ᠲᠠᠢ ᠪᠦᠳᠤᠬᠡᠭᠳᠡᠬᠦᠨ ᠢ 12 ᠂ ᠤᠷᠭᠠᠨᠢᠭ ᠪᠡᠯᠴᠢᠬᠡᠷ ᠢ 560 ᠲᠦᠮᠡᠨ ᠮᠤ᠋ | ᠬᠡᠷᠡᠴᠢᠯᠡᠬᠦᠯᠤᠨ᠂ ᠮᠠᠯ ᠲᠠᠷᠢᠶᠠᠯᠠᠩ ᠤᠨ 19 ᠨᠡᠷᠡᠲᠣ ᠲᠡᠮᠳᠡᠭᠲᠣ ᠪᠦᠲᠤᠬᠡᠭᠳᠡᠬᠦᠨ ᠢ ᠪᠣᠶᠢᠵᠢᠭᠤᠯᠵᠤ᠂ ᠮᠠᠯᠴᠢᠨ ᠲᠠᠷᠢᠶᠠᠴᠢᠳ ᠪᠣᠯᠣᠨ ᠠᠵᠤ ᠠᠬᠤᠶᠢᠯᠠᠯ ᠤᠨ | ᠠᠰᠢᠭ ᠲᠣᠰᠠ ᠶᠢᠨ ᠬᠤᠯᠪᠣᠭᠠᠯᠠᠯ ᠢ ᠣᠯᠠᠮ ᠨᠢᠭᠲᠠᠷᠠᠭᠤᠯᠣᠨ᠂ ᠮᠠᠯᠴᠢᠨ ᠳᠠᠷᠢᠶᠠᠴᠢᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠦᠷᠬᠦᠯᠵᠢᠯᠡᠨ | 13 ᠵᠢᠯ ᠪᠦᠬᠦ ᠬᠤᠳᠠ ᠳᠤ ᠪᠠᠨ ᠳᠠᠷᠢᠬᠦᠯᠡᠪᠡ᠃ ᠲᠡᠷᠢᠬᠦᠨ ᠤ ᠦᠢᠯᠡᠳᠪᠣᠷᠢᠯᠡᠯ ᠤᠨ ᠬᠦᠴᠦ ᠪᠠᠷ ᠮᠠᠯ ᠲᠠᠷᠢᠶᠠᠯᠠᠩ ᠤᠨ ᠥᠢᠯᠡ ᠶᠢ ᠲᠣᠨᠣᠭᠯᠠᠵᠣ᠂ ᠣᠳᠣ ᠦᠶ᠎ᠡ | ᠶᠢᠨ ᠬᠡᠷᠡᠭᠯᠡᠬᠡᠨ ᠤ ᠰᠢᠨᠵᠢᠯᠡᠭᠡ ᠮᠡᠷᠬᠡᠵᠢᠯ ᠪᠣᠯᠣᠨ ᠦᠬᠡᠷᠡᠴᠢᠯᠡᠯ ᠰᠢᠨᠡᠴᠢᠯᠡᠯ ᠤᠨ ᠪᠦᠲᠦᠬᠡᠯ ᠢᠶᠠᠷ ᠮᠠᠯ ᠲᠠᠷᠢᠶᠠᠯᠠᠩ ᠢ ᠠᠬᠢᠭᠤᠯᠵᠣ᠂ ᠮᠠᠰᠢᠨᠴᠢᠯᠠᠯᠲᠠ ᠶᠢᠨ ᠨᠣᠷᠮ᠎ᠠ | 85% ᠳᠤ ᠬᠦᠷᠣᠨ᠂ ᠮᠠᠯ ᠲᠠᠷᠢᠶᠠᠯᠠᠩ ᠤᠨ 58 ᠲᠦᠷᠦᠯ ᠤᠨ ᠮᠡᠷᠬᠡᠵᠢᠯ ᠤᠨ ᠡᠬᠦᠳᠣᠯᠲᠡ ᠣᠯᠣᠰ ᠤᠨ ᠲᠣᠰᠬᠠᠢ ᠠᠰᠢᠭ ᠣᠯᠵᠣ᠂ ᠰᠢᠨᠵᠢᠯᠡᠭᠡ ᠮᠡᠷᠬᠡᠵᠢᠯ ᠤᠨ | ᠬᠤᠪᠢ ᠨᠡᠮᠡᠷᠢ 70% ᠬᠦᠷᠴᠤ᠂ ᠪᠦᠬᠦ ᠣᠯᠣᠰ ᠤᠨ ᠠᠩᠬᠠᠳᠠᠭᠴᠢ ᠪᠦᠯᠦᠭᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠣᠯᠲᠡ ᠶᠢᠨ ᠲᠠᠭᠤᠷᠢᠶᠠᠯ ᠬᠤᠰᠢᠭᠤ ᠶᠢ | ᠠᠮᠵᠢᠯᠲᠠ ᠲᠠᠢ ᠴᠣᠭᠴᠠᠯᠠᠪᠠ᠃ ᠮᠠᠯᠵᠢᠬᠤ ᠲᠠᠷᠢᠶᠠᠯᠠᠬᠤ ᠣᠷᠣᠨ ᠤ ︽ᠵᠢᠷᠭᠤᠭᠠᠠ ᠡᠷᠬᠡ ᠶᠢ ᠬᠠᠮᠲᠣ ᠳᠤ ᠨᠢ ᠲᠣᠳᠣᠷᠬᠠᠶᠢᠯᠠᠬᠤ︾᠂ ᠨᠣᠲᠤᠭ ᠪᠡᠯᠴᠢᠭᠡᠷ ᠤᠨ ︽ | ᠭᠤᠷᠪᠠᠨ ᠡᠷᠭᠡ ᠶᠢᠨ ᠲᠤᠰᠠᠭᠠᠷᠯᠠᠯ︾᠂ ᠠᠯᠠᠰᠢᠨ ᠮᠠᠯ ᠤᠨ ᠪᠦᠬᠦ ᠠᠵᠣ ᠦᠢᠯᠡᠰ ᠤᠨ ᠬᠡᠯᠬᠢᠶᠡᠨ ᠤ ᠭᠡᠳᠡᠷᠭᠦ ᠨᠡᠭᠡᠮᠵᠢᠯᠡᠭᠦ ᠰᠢᠰᠲ᠋ᠧᠮ᠂ ᠭᠠᠵᠠᠷ ᠲᠣᠣᠷᠠᠬᠢ ᠣᠰᠣᠨ | ᠤ ︽ᠶᠡᠷᠣᠩᠬᠡᠢ ᠬᠡᠮᠵᠢᠶ᠎ᠡ ᠶᠢ ᠬᠢᠵᠠᠭᠠᠷᠯᠠᠨ᠂ ᠨᠣᠷᠮᠠᠴᠢᠯᠠᠨ ᠬᠠᠮᠢᠶᠠᠷᠬᠤ︾ ᠵᠡᠷᠬᠡ ᠰᠢᠨᠡᠴᠢᠯᠡᠯᠲᠡ ᠶᠢᠨ ᠦᠷ᠎ᠡ ᠪᠦᠲᠦᠭᠡᠯ ᠪᠦᠬᠦ ᠬᠤᠲᠠ ᠶᠢᠨ ᠲᠡᠷᠢᠬᠦᠨ ᠤ ᠡᠩᠨᠡᠬᠡᠨ | ᠳᠤ ᠣᠷᠣᠵᠣ᠂ ᠨᠣᠲᠤᠭ ᠪᠡᠯᠴᠢᠬᠡᠷ ᠤᠨ 3S ᠮᠡᠷᠬᠡᠵᠢᠯ ᠤᠨ ᠬᠦᠳᠡᠯᠣᠩᠬᠦᠢ ᠬᠡᠮᠵᠢᠯᠲᠡ ᠶᠢ ᠣᠯᠣᠰ ᠤᠨ ᠲᠠᠷᠢᠶᠠᠯᠠᠩ ᠤᠨ ᠶᠠᠮᠣᠨ ᠠᠴᠠ ᠮᠡᠳᠡᠷᠡᠨ ᠲᠦᠭᠡᠮᠡᠯᠵᠢᠬᠦᠯᠪᠡ | ᠃ ᠲᠠᠪᠣᠨ ᠵᠢᠯ ᠤᠨ ᠨᠢᠮᠪᠡᠢ ᠪᠠᠶᠢᠷᠢᠰᠢᠭᠤᠯᠣᠯᠲᠠ ᠪᠠᠷ ᠮᠠᠯ ᠲᠠᠷᠢᠶᠠᠯᠠᠩ ᠤᠨ ᠰᠠᠭᠤᠷᠢ ᠶᠢ ᠪᠠᠬᠢᠵᠢᠬᠦᠯᠣᠭ᠍ᠰᠡᠨ ᠮᠦᠷᠲᠡᠬᠡᠨ ᠮᠠᠯᠴᠢᠨ ᠲᠠᠷᠢᠶᠠᠴᠢᠳ ᠤᠨ ᠣᠷᠣᠯᠭ᠎ᠠ ᠶᠢ | ᠦᠷᠬᠦᠯᠵᠢᠯᠡᠨ ᠨᠡᠮᠡᠭᠳᠡᠬᠦᠯᠣᠭ᠍ᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠣᠯᠠᠨ ᠶᠠᠩᠵᠣᠲᠣ ᠬᠡᠷᠡᠭᠯᠡᠬᠡᠨ ᠤ ᠱᠠᠭᠠᠷᠳᠠᠯᠭ᠎ᠠ ᠶᠢ ᠬᠦᠴᠦᠯᠡᠨ ᠬᠠᠩᠭᠠᠵᠣ᠂ ᠣᠨᠣᠪᠴᠢᠲᠠᠢ ᠪᠣᠳᠣᠯᠭ᠎ᠠ ᠪᠠᠷ | ᠲᠣᠲᠠᠭᠤᠳᠠᠯ ᠢᠶᠠᠨ ᠨᠦᠬᠦᠪᠣᠷᠢᠯᠡᠵᠤ᠂ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠢ ᠣᠯᠠᠨ ᠡᠰᠢᠵᠢᠬᠦᠯᠣᠨ ᠲᠡᠬᠡᠭᠰᠢᠯᠡᠬᠦᠯᠵᠣ ᠰᠢᠨ᠎ᠠ ᠱᠠᠲᠣᠨ ᠳᠤ ᠭᠠᠷᠭᠠᠪᠠ᠃ | ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠡᠷᠡᠬᠦᠯ ᠬᠦᠭᠵᠢᠯᠲᠡ ᠶᠢ ᠢᠮᠠᠭᠲᠠ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠲᠠ ᠶᠢᠨ ᠴᠢᠬᠤᠯᠠ | ᠭᠠᠷᠳᠠᠴᠠ ᠪᠣᠯᠭᠠᠨ᠂ ᠦᠨᠳᠣᠷ ᠦᠷᠲᠡᠭᠲᠣ ᠰᠢᠨ᠎ᠡ ᠬᠡᠯᠪᠡᠷᠢ ᠶᠢᠨ ᠡᠵᠡᠩᠨᠡᠯᠲᠡ ᠶᠢ ᠬᠦᠴᠦᠯᠡᠨ ᠪᠣᠶᠢᠵᠢᠭᠤᠯᠵᠣ᠂ ᠭᠤᠷᠪᠠᠳᠤᠭᠠᠷ ᠠᠵᠣ ᠦᠢᠯᠡᠰ ᠤᠨ ᠨᠡᠮᠡᠭᠳᠡᠯ | ᠦᠷᠲᠡᠭ ᠢ 2012 ᠣᠨ ᠤ 29.9 ᠳ᠋ᠦᠩᠰᠢᠭᠤᠷ ᠲᠦᠬᠦᠷᠢᠭ ᠠᠴᠠ ᠨᠡᠮᠡᠭᠳᠡᠬᠦᠯᠣᠨ 46 ᠳ᠋ᠦᠩᠰᠢᠭᠤᠷ ᠲᠦᠬᠦᠷᠢᠭ ᠲᠤ ᠬᠦᠷᠭᠡᠵᠣ᠂ ᠵᠢᠯ ᠲᠣᠳᠣᠮ 8.9% ᠪᠠᠷ | ᠨᠡᠮᠡᠭᠳᠡᠭᠦᠯᠪᠡ᠃ ᠵᠢᠭᠤᠯᠴᠢᠯᠠᠯ ᠤᠨ ᠦᠢᠯᠡᠰ ᠢ ︽ᠦᠵᠡᠮᠵᠢ ᠶᠢᠨ ᠣᠷᠣᠨ ᠤ ᠵᠢᠭᠤᠯᠴᠢᠯᠠᠯ︾ ᠠᠴᠠ ︽ᠪᠦᠬᠦ ᠴᠠᠷᠠᠭᠠᠨ ᠤ ᠵᠢᠭᠤᠯᠴᠢᠯᠠᠯ︾ ᠲᠡᠰᠢ ᠬᠦᠨᠵᠡᠬᠡᠢ | ᠬᠤᠪᠢᠷᠠᠭᠤᠯᠵᠣ᠂ ᠰᠣᠶᠣᠯ ᠵᠢᠭᠤᠯᠴᠢᠯᠠᠯ ᠤᠨ ᠪᠦᠯᠦᠭᠯᠡᠯ ᠪᠠᠶᠢᠭᠤᠯᠣᠨ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠰᠣᠷᠪᠣᠯᠵᠢ ᠶᠢ ᠨᠢᠬᠡᠳᠣᠯᠲᠠᠢ | ᠲᠣᠬᠢᠷᠠᠭᠤᠯᠵᠣ᠂ ᠦᠪᠡᠷᠳᠡᠬᠡᠨ ᠵᠠᠰᠠᠬᠤ ᠣᠷᠣᠨ ᠤ ᠣᠨᠴᠠᠯᠢᠭᠲᠣ ᠦᠵᠡᠮᠵᠢ ᠶᠢᠨ ᠵᠢᠭᠤᠯᠴᠢᠯᠠᠯ ᠤᠨ ᠨᠡᠷᠡᠲᠣ ᠪᠠᠯᠭᠠᠰᠣ ᠶᠢ 3᠂ ᠬᠦᠳᠡᠭᠡ ᠲᠣᠰᠬᠤᠨ ᠤ | ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠣᠰᠬᠤᠨ ᠢ 10᠂ ᠡᠷᠣᠬᠡ ᠳᠤ ᠬᠤᠨᠣᠭᠯᠠᠬᠤ ᠵᠢᠭᠤᠯᠴᠢᠯᠠᠯ ᠢ 186 ᠪᠠᠶᠢᠭᠤᠯᠵᠣ᠂ ᠭᠤᠯᠤᠮᠳᠠ ᠭᠠᠯ ᠰᠣᠶᠣᠯ ᠤᠨ | ᠨᠠᠶᠢᠷ᠂ ᠴᠠᠬᠢᠷᠮ᠎ᠠ ᠴᠡᠴᠡᠭᠤᠨ ᠨᠠᠶᠢᠷ᠂ ᠲᠠᠯ᠎ᠠ ᠨᠣᠲᠤᠭ ᠤᠨ ᠲᠣᠷᠭᠠᠨ ᠵᠠᠮ ᠨᠠᠶᠢᠷᠠᠯ ᠲᠠᠭᠤᠨ ᠤ ᠴᠣᠭᠯᠠᠭᠠᠨ ᠵᠡᠷᠬᠡ ᠭᠤᠣᠯ ᠰᠡᠳᠣᠪᠲᠣ ᠠᠵᠢᠯᠯᠠᠭ᠎ᠠ ᠨᠢ ᠠᠯᠳᠠᠷᠰᠢᠯ | ᠢ ᠲᠡᠭᠡᠭᠰᠢᠯᠡᠬᠦᠯᠣᠨ ᠠᠷᠠᠯᠵᠢᠶ᠎ᠠ ᠶᠢ ᠬᠦᠭᠵᠢᠬᠡᠬᠦ ᠪᠠᠶᠠᠷ ᠨᠠᠶᠢᠷ ᠤᠨ ᠵᠢᠭᠤᠯᠴᠢᠯᠠᠯ ᠤᠨ ᠨᠡᠷᠡᠲᠣ ᠲᠡᠮᠲᠡᠭ ᠪᠣᠯᠪᠠ᠃ ᠲᠠᠪᠣᠨ ᠵᠢᠯ ᠳᠤ ᠣᠯᠣᠰ ᠤᠨ ᠲᠣᠳᠣᠭᠠᠳᠣ | ᠭᠠᠳᠠᠭᠠᠳᠣ ᠶᠢᠨ 282.4 ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠵᠤᠴᠢᠯᠡᠵᠤ᠂ 76 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ | ᠶᠡᠷᠣᠩᠬᠡᠶᠢᠯᠡᠭᠰᠡᠨ ᠣᠷᠣᠯᠭ᠎ᠠ ᠣᠯᠵᠣ᠂ ᠵᠢᠯ ᠲᠣᠳᠣᠮ 31.5% ᠪᠠᠷ ᠨᠡᠮᠡᠭᠳᠡᠨ᠂ ᠥᠭᠬᠢᠶᠡᠮᠥᠷ ᠨᠠᠶᠢᠷᠠᠮᠳᠠᠭᠤ ᠲᠠᠯ᠎ᠠ ᠨᠤᠳᠤᠭ᠂ ᠥᠵᠡᠰᠭᠦᠯᠡᠩᠳᠤ ᠰᠠᠶᠢᠬᠠᠨ | ᠡᠮᠥᠨᠡᠳᠥ ᠤᠳᠤᠭ ᠤᠨ ᠠᠯᠳᠠᠷᠰᠢᠯ ᠢᠯᠡᠳᠲᠡ ᠲᠡᠬᠡᠭᠰᠢᠯᠡᠪᠡ᠃ ᠣᠲᠣ ᠦᠶ᠎ᠡ ᠶᠢᠨ ᠪᠣᠳᠠᠰ ᠤᠨ ᠬᠦᠢᠯᠬᠡᠬᠡ᠂ ᠰᠦᠯᠵᠢᠶᠡᠨ ᠬᠤᠳᠠᠯᠳᠤᠭ᠎ᠠ ᠵᠡᠷᠭᠡ ᠰᠢᠨ᠎ᠡ | ᠡᠵᠡᠩᠨᠡᠯᠲᠡ ᠶᠢ ︽ᠭᠠᠭᠴᠠ ᠬᠤᠶᠠᠷ︾ ᠠᠴᠠ ︽ᠲᠦᠬᠡᠮᠡᠯ ᠴᠢᠨᠠᠷᠯᠢᠭ︾ ᠲᠡᠰᠢ ᠬᠦᠨᠵᠡᠬᠡᠢ ᠬᠤᠪᠢᠷᠠᠭᠤᠯᠵᠣ᠂ ᠢᠨᠲ᠋ᠧᠷ ᠰᠦᠯᠵᠢᠶᠡᠨ ᠠᠵᠣ ᠠᠬᠤᠢ ᠦᠷᠨᠢᠨ | ᠬᠦᠭᠵᠢᠵᠣ᠂ ᠱᠦᠨ ᠹᠧᠩ᠂ ᠵᠦᠩ ᠲᠦᠩ ᠵᠡᠷᠬᠡ 30 ᠭᠠᠷᠣᠢ ᠲᠦᠷᠭᠡᠨ ᠬᠦᠷᠭᠡᠯᠲᠡ ᠪᠣᠳᠠᠰ ᠤᠨ ᠬᠦᠢᠯᠭᠡᠭᠡᠨ ᠤ ᠠᠵᠤ ᠠᠬᠤᠶᠢᠯᠠᠯ ᠪᠦᠬᠦ ᠬᠤᠰᠢᠭᠤᠨ ᠳᠤ | ᠲᠦᠬᠡᠮᠡᠯᠵᠢᠵᠣ᠂ ᠣᠯᠠᠨ ᠲᠦᠮᠡᠨ ᠠᠰᠢᠭ ᠬᠦᠷᠲᠡᠨ ᠦᠢᠯᠡᠳᠪᠣᠷᠢᠯᠡᠯ ᠠᠮᠢᠳᠣᠷᠠᠯ ᠤᠨ ᠦᠪᠡᠷ ᠤᠨ ᠦᠷᠲᠡᠭ ᠪᠠᠭᠤᠷᠠᠪᠠ︔ ᠦᠪᠡᠷᠳᠡᠭᠡᠨ ᠵᠠᠰᠠᠬᠤ ᠣᠷᠣᠨ ᠤ | ᠰᠦᠯᠵᠢᠶᠡᠨ ᠬᠤᠳᠠᠯᠳᠣᠭᠠᠨ ᠤ ᠲᠠᠭᠤᠷᠢᠶᠠᠯ ᠰᠠᠭᠤᠷᠢᠨ ᠢᠶᠠᠷ ᠠᠮᠵᠢᠯᠲᠠ ᠲᠠᠢ ᠮᠡᠳᠡᠬᠦᠯᠵᠣ᠂ ᠲᠣᠮᠳᠠᠳᠣ ᠣᠯᠣᠰ ᠤᠨ ᠸᠠᠩ ᠺᠦ᠋᠂ ᠯᠧ ᠼᠦᠨ ᠲᠣᠣ ᠵᠡᠷᠬᠡ ᠪᠦᠬᠦ | ᠣᠯᠣᠰ ᠤᠨ ᠰᠦᠯᠵᠢᠶᠡᠨ ᠬᠤᠳᠠᠯᠳᠣᠭᠠᠨ ᠤ ᠨᠡᠷᠡᠲᠣ ᠲᠠᠪᠴᠠᠩ ᠢ ᠣᠷᠣᠭᠤᠯᠣᠨ ᠠᠪᠴᠢᠷᠠᠵᠣ᠂ ᠣᠯᠣᠰ ᠤᠨ ᠠᠵᠣ ᠦᠢᠯᠡᠳᠪᠣᠷᠢ ᠪᠣᠯᠣᠨ ᠵᠠᠩᠬᠢᠴᠢᠯᠠᠯᠲᠠ ᠶᠢᠨ | ᠶᠠᠮᠣᠨ ᠤ ︽ ᠲᠡᠬᠦᠯᠢᠯᠲᠡ ᠲᠦᠯᠦᠪᠯᠡᠭᠡ︾ ᠶᠢᠨ ᠬᠠᠮᠳᠣᠷᠠᠯᠴᠠᠭᠠᠨ ᠤ ᠲᠦᠷᠦᠯ ᠵᠦᠢᠯ ᠪᠣᠯᠬᠤ ︽ᠲᠣᠮᠳᠠᠳᠣ ᠣᠯᠣᠰ ᠤᠨ ᠮᠠᠯ ᠤᠨ ᠮᠢᠬ᠎ᠠ ᠶᠢᠨ ᠠᠵᠤ ᠦᠢᠯᠡᠰ | ᠤᠨ ᠰᠦᠯᠵᠢᠶᠡᠨ ᠠᠷᠠᠯᠵᠢᠶᠠᠨ ᠤ ᠲᠠᠪᠴᠠᠩ︾ ᠠᠵᠢᠯᠯᠠᠵᠣ ᠡᠬᠢᠯᠡᠨ᠂ ᠣᠷᠣᠨ ᠨᠣᠳᠤᠭ ᠤᠨ ᠲᠠᠸᠠᠷ ᠪᠦᠬᠦ ᠣᠯᠣᠰ ᠤᠨ ᠵᠠᠬ᠎ᠠ ᠳᠤ ᠭᠠᠷᠴᠣ᠂ ᠰᠦᠯᠵᠢᠶᠡᠨ | ᠪᠣᠷᠣᠯᠠᠭᠤᠯᠭ᠎ᠠ ᠶᠢᠨ ᠣᠷᠣᠯᠭ᠎ᠠ 2 ᠳ᠋ᠦᠩᠰᠢᠭᠤᠷ ᠲᠦᠬᠦᠷᠢᠭ ᠲᠤ ᠬᠦᠷᠪᠡ᠃ ᠬᠤᠪᠢᠰᠬᠠᠯᠲᠣ ᠬᠦᠮᠦᠵᠢᠯ ᠤᠨ ᠰᠣᠷᠪᠣᠯᠵᠢ ᠶᠢ ︽ ᠲᠡᠣᠬᠡ ᠶᠢᠨ ᠦᠯᠡᠳᠡᠭᠳᠡᠯ︾ | ᠠᠴᠠ ︽ ᠬᠤᠪᠢᠰᠬᠠᠯᠲᠣ ᠬᠦᠮᠦᠵᠢᠯ ᠤᠨ ᠠᠵᠣ ᠦᠢᠯᠡᠰ︾ ᠲᠡᠰᠢ ᠬᠦᠨᠵᠡᠬᠡᠢ ᠬᠤᠪᠢᠷᠠᠭᠤᠯᠵᠣ᠂ ᠪᠦᠬᠦ ᠬᠤᠰᠢᠭᠤᠨ ᠤ ᠬᠦᠴᠦᠨ ᠢ ᠬᠠᠮᠳᠣᠳᠬᠠᠨ ︽1+6︾ | ᠬᠤᠪᠢᠰᠬᠠᠯᠲᠣ ᠬᠦᠮᠦᠵᠢᠯ ᠪᠣᠯᠪᠠᠰᠣᠷᠠᠯ ᠤᠨ ᠰᠠᠭᠤᠷᠢᠨ ᠢ ᠴᠣᠭᠴᠠᠯᠠᠵᠣ᠂ ᠪᠣᠷᠣᠪᠠᠯᠭᠠᠰᠤ ᠶᠢᠨ ᠦᠨᠳᠣᠰᠣᠲᠡᠨ ᠤ ᠺᠠᠳ᠋ᠷᠴᠣᠳ ᠤᠨ ᠲᠡᠭᠡᠳᠣ ᠰᠣᠷᠭᠠᠭᠤᠯᠢ ᠶᠢ | ᠪᠠᠶᠢᠭᠤᠯᠵᠤ᠂ ᠠᠩᠬᠢ ᠡᠷᠬᠢᠯᠡᠨ ᠬᠢᠴᠢᠶᠡᠯᠯᠡᠭᠰᠡᠨ ᠠᠴᠠ ᠨᠠᠭᠠᠰᠢ ᠨᠡᠶᠢᠲᠠ 62 ᠬᠤᠭᠤᠴᠠᠭ᠎ᠠ᠂ 375 ᠠᠩᠬᠢ ᠣᠳᠠᠭ᠎ᠠ ᠶᠢᠨ ᠪᠣᠯᠪᠠᠰᠣᠷᠠᠯ ᠡᠷᠬᠢᠯᠡᠵᠣ᠂ 11 | ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠪᠠ ᠪᠣᠯᠪᠠᠰᠣᠷᠠᠯ ᠳᠤ ᠣᠷᠣᠯᠴᠠᠭᠰᠠᠳ ᠢ ᠬᠦᠯᠢᠶᠡᠨ ᠵᠤᠴᠢᠯᠡᠵᠤ᠂ ᠬᠤᠪᠢᠰᠬᠠᠯᠲᠣ ᠬᠦᠮᠦᠵᠢᠯ ᠤᠨ ᠠᠵᠣ | ᠦᠢᠯᠡᠰ ᠡᠳᠣᠬᠡ ᠶᠠᠭ ᠭᠠᠵᠠᠷ ᠣᠷᠣᠨ ᠤ ᠲᠦᠷᠢ ᠲᠦᠷᠬᠦ ᠶᠢᠨ ᠰᠢᠨᠡᠠᠯᠳᠠᠷᠰᠢᠯ ᠂ ᠬᠦᠭᠵᠢᠯᠲᠡ ᠶᠢ ᠠᠬᠢᠭᠤᠯᠬᠤ ᠰᠢᠨ᠎ᠡ ᠬᠦᠳᠡᠯᠬᠡᠬᠦᠷ ᠪᠣᠯᠪᠠ᠃ ᠲᠠᠪᠣᠨ ᠵᠢᠯ | ᠤᠨ ᠬᠠᠮᠳᠣᠳᠬᠠᠭᠰᠠᠨ ᠬᠦᠭᠵᠢᠬᠦᠯᠣᠯᠲᠡ ᠬᠡᠷᠡᠭᠯᠡᠬᠡᠨ ᠤ ᠠᠵᠤ ᠦᠢᠯᠡᠰ ᠤᠨ ᠲᠣᠲᠠᠭᠤᠳᠠᠯ ᠢ ᠨᠦᠬᠦᠪᠣᠷᠢᠯᠡᠭᠰᠡᠨ ᠮᠦᠷᠲᠡᠬᠡᠨ ᠬᠦᠭᠵᠢᠯᠲᠡ ᠶᠢᠨ ᠠᠮᠢᠲᠣᠯᠢᠭ ᠬᠦᠴᠦᠨ | ᠢ ᠲᠡᠬᠡᠭᠰᠢᠯᠡᠬᠦᠯᠣᠭ᠍ᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠬᠦᠭᠵᠢᠯᠲᠡ ᠶᠢᠨ ᠣᠷᠴᠢᠨ ᠢ ᠬᠦᠴᠦᠯᠡᠨ ᠰᠠᠶᠢᠵᠢᠷᠠᠭᠤᠯᠵᠣ᠂ ᠬᠤᠲᠠ ᠪᠠᠯᠭᠠᠰᠣ ᠪᠣᠯᠣᠨ ᠰᠠᠭᠤᠷᠢ ᠲᠦᠬᠦᠭᠡᠷᠣᠮᠵᠢ | ᠶᠢᠨ ᠪᠠᠶᠢᠭᠤᠯᠣᠯᠲᠠ ᠶᠢ ᠪᠦᠬᠦ ᠬᠦᠴᠦᠨ ᠢᠶᠠᠷ ᠠᠬᠢᠭᠤᠯᠵᠣ᠂ ᠬᠤᠲᠠ ᠬᠦᠳᠡᠭᠡ ᠶᠢᠨ ᠬᠠᠮᠳᠣᠳᠬᠠᠭᠰᠠᠨ ᠬᠦᠭᠵᠢᠯᠲᠡ ᠶᠢ ᠰᠢᠨ᠎ᠡ ᠱᠠᠲᠣᠨ ᠳᠤ ᠭᠠᠷᠭᠠᠪᠠ᠃ ᠬᠤᠲᠠ | ᠪᠠᠷ ᠬᠦᠳᠡᠭᠡ ᠶᠢ ᠲᠠᠶᠢᠴᠢᠯᠠᠬᠤ᠂ ᠬᠤᠲᠠ ᠬᠦᠳᠡᠭᠡ ᠶᠢ ᠨᠢᠬᠡᠳᠣᠯᠲᠡᠢ ᠬᠦᠭᠵᠢᠬᠦᠯᠬᠦ ᠶᠢ ᠢᠮᠠᠭᠲᠠ ᠬᠤᠲᠠ ᠬᠦᠳᠡᠭᠡ ᠶᠢᠨ ︽ ᠬᠤᠶᠠᠷ ᠡᠰᠢᠲᠣ ᠪᠦᠲᠦᠴᠡ︾ ᠶᠢ | ᠰᠢᠪᠳᠣᠯᠬᠤ ᠴᠢᠬᠤᠯᠠ ᠭᠠᠷᠳᠠᠴᠠ ᠪᠣᠯᠭᠠᠨ᠂ ᠣᠨᠴᠠᠯᠢᠭᠲᠣ ᠬᠤᠲᠠ ᠪᠠᠯᠭᠠᠰᠣᠨ ᠤ ᠴᠣᠭᠴᠠᠯᠠᠯᠲᠠ ᠶᠢ ᠪᠦᠲᠦᠮᠵᠢᠲᠠᠢ ᠠᠬᠢᠭᠤᠯᠵᠣ᠂ ᠬᠦᠳᠡᠭᠡ ᠲᠣᠰᠬᠤᠨ ᠤ | ᠬᠦᠭᠵᠢᠯᠲᠡ ᠶᠢᠨ ᠰᠠᠭᠤᠷᠢ ᠶᠢ ᠨᠡᠩ ᠪᠠᠬᠢᠵᠢᠬᠦᠯᠣᠨ᠂ ᠬᠤᠲᠠ ᠬᠦᠳᠡᠭᠡ ᠶᠢᠨ ᠲᠦᠷᠢ ᠪᠠᠶᠢᠳᠠᠯ ᠲᠣᠬᠢᠯᠢᠭᠵᠢᠪᠡ᠃ ᠬᠤᠲᠠ ᠪᠠᠯᠭᠠᠰᠣᠨ ᠤ ᠬᠡᠪ ᠴᠢᠨᠰᠠᠭ᠎ᠠ ᠪᠣᠯᠣᠨ | ᠥᠵᠡᠰᠭᠦᠯᠡᠩᠳᠤ ᠰᠠᠶᠢᠬᠠᠨ ᠬᠦᠳᠡᠭᠡ ᠨᠤᠳᠤᠭ ᠢ ᠢᠵᠢᠯ ᠠᠯᠬᠤᠮ ᠢᠶᠠᠷ ᠲᠦᠯᠦᠪᠵᠢᠬᠦᠯᠤᠨ ᠲᠡᠭᠡᠭᠰᠢᠯᠡᠬᠦᠯᠵᠣ᠂ ᠰᠢᠨ᠎ᠡ ᠪᠠᠷ 32.3 ᠺᠢᠯᠣᠮᠧᠲᠷ ᠬᠤᠲᠠ ᠶᠢᠨ ᠵᠠᠮ | ᠵᠡᠬᠡᠯᠢ ᠶᠢ ᠦᠬᠡᠷᠡᠴᠢᠯᠡᠨ᠂ 60 ᠺᠢᠯᠣᠮᠧᠲᠷ ᠭᠠᠵᠠᠷ ᠲᠣᠣᠷᠠᠬᠢ ᠬᠤᠭᠤᠯᠠᠢ ᠲᠠᠷᠣᠵᠣ᠂ 9.1 ᠲᠦᠮᠡᠨ ᠺᠦᠸᠠᠳ᠋ ᠮᠧᠲᠷ ᠵᠡᠭᠡᠯᠢ ᠲᠠᠭᠠᠤ ᠭᠡᠷ ᠪᠠᠶᠢᠰᠢᠩ ᠢ | ᠰᠢᠨᠡᠳᠬᠡᠪᠡ᠃ ᠣᠯᠵᠠᠴᠢ ᠪᠠᠯᠭᠠᠰᠣᠨ ᠤ ᠨᠣᠭᠤᠭᠠᠵᠢᠭᠤᠯᠣᠯᠲᠠ ᠶᠢᠨ ᠲᠠᠯᠠᠪᠠᠢ 313 ᠲᠦᠮᠡᠨ ᠺᠦᠸᠠᠳ᠋ ᠮᠧᠲᠷ ᠬᠦᠷᠴᠤ᠂ ᠪᠠᠯᠭᠠᠰᠣᠨ ᠲᠣᠭᠤᠷᠢᠭ ᠤᠨ | ᠨᠣᠭᠤᠭᠠᠵᠢᠭᠤᠯᠣᠭᠰᠠᠨ ᠭᠠᠵᠠᠷ ᠤᠨ ᠨᠣᠷᠮ᠎ᠠ᠂ ᠨᠣᠭᠤᠭᠠᠵᠢᠭᠤᠯᠣᠯᠲᠠ ᠶᠢᠨ ᠪᠦᠷᠬᠦᠪᠴᠢ ᠲᠣᠰᠪᠣᠷᠢ 38% ᠪᠠ 42.8% ᠳᠤ ᠬᠦᠷᠴᠦ᠂ ᠬᠦᠮᠦᠨ ᠲᠣᠮᠳᠠᠴᠢ | ᠲᠠᠯᠠᠪᠠᠢ 26.3 ᠺᠦᠸᠠᠳ᠋ ᠮᠧᠲᠷ ᠬᠦᠷᠪᠡ︔ 1.3 ᠲᠦᠮᠡᠨ ᠲᠦᠯᠦᠪᠣᠷᠢ ᠦᠬᠡᠢ ᠲᠡᠷᠭᠡᠨ ᠵᠣᠭᠰᠣᠭᠠᠯ᠂ 136 ᠪᠠᠷᠢᠮᠵᠢᠶᠠᠲᠣ ᠵᠣᠷᠯᠣᠩ ᠪᠣᠯᠣᠨ ᠫᠢᠩᠫᠠᠩ | ᠪᠦᠮᠪᠦᠭᠡ ᠦᠳᠦᠨ ᠪᠦᠮᠪᠦᠭᠡ ᠶᠢᠨ ᠣᠷᠳᠣᠨ᠂ ᠣᠮᠪᠠᠯᠳᠠ ᠶᠢᠨ ᠣᠷᠳᠣᠨ᠂ ᠭᠡᠷ ᠤᠨ ᠭᠠᠳᠠᠨᠠᠬᠢ ᠲᠠᠮᠢᠷ ᠤᠨ ᠲᠠᠯᠠᠪᠣᠷ ᠢ ᠠᠰᠢᠭᠯᠠᠯᠳᠠ ᠳᠤ ᠣᠷᠣᠭᠤᠯᠵᠣ᠂ ᠣᠯᠠᠨ | ᠲᠦᠮᠡᠨ ᠳᠤ ᠲᠦᠬᠦᠮ ᠦᠵᠡᠬᠦᠯᠪᠡ᠃ ᠣᠯᠵᠠᠴᠢ ᠪᠠᠯᠭᠠᠰᠣ᠂ ᠱᠠᠩᠬᠠᠢ ᠶᠢᠨ ᠰᠦᠮ᠎ᠡ ᠪᠠᠯᠭᠠᠰᠣ ᠪᠦᠬᠦ ᠣᠯᠣᠰ ᠤᠨ ᠭᠤᠣᠯᠳᠠᠯᠭᠠᠲᠣ ᠪᠠᠯᠭᠠᠰᠣ ᠪᠠᠷ ᠦᠨᠡᠯᠡᠭᠳᠡᠵᠣ᠂ | ᠪᠣᠷᠣᠪᠠᠯᠭᠠᠰᠣ ᠪᠠᠯᠭᠠᠰᠣ ᠪᠦᠬᠦ ᠣᠯᠣᠰ ᠤᠨ ᠣᠨᠴᠠᠯᠢᠭᠲᠣ ᠪᠠᠯᠭᠠᠰᠣ ᠪᠠᠷ ᠦᠨᠡᠯᠡᠭᠳᠡᠨ᠂ ᠨᠠᠩᠰᠣ ᠪᠠᠯᠭᠠᠰᠣ ᠪᠦᠬᠦ ᠣᠯᠣᠰ ᠤᠨ ᠪᠣᠬᠢᠷᠳᠣᠯ ᠦᠬᠡᠢ ᠨᠡᠷᠡᠲᠣ ᠪᠠᠯᠭᠠᠰᠣ | ᠪᠠᠷ ᠦᠨᠡᠯᠡᠭᠳᠡᠪᠡ᠃ ᠠᠶᠢᠯ ᠲᠣᠰᠬᠤᠨ ᠤ ᠦᠢᠵᠢᠭᠤᠯᠣᠯᠲᠠ ᠪᠣᠯᠣᠨ ᠣᠷᠴᠢᠨ ᠲᠣᠭᠤᠷᠢᠨ ᠤ ᠶᠡᠷᠣᠩᠬᠡᠶᠢᠯᠡᠭᠰᠡᠨ ᠵᠠᠰᠠᠯᠲᠠ ᠶᠢ ᠬᠡᠷᠡᠭᠵᠢᠬᠦᠯᠵᠣ᠂ ᠮᠠᠯᠵᠢᠬᠤ | ᠲᠠᠷᠢᠶᠠᠯᠠᠬᠤ ᠣᠷᠣᠨ ᠤ ᠦᠩᠭᠡ ᠲᠦᠷᠰᠣ ᠶᠢ ᠰᠢᠨᠡᠳᠭᠡᠨ᠂ 6363 ᠡᠷᠣᠬᠡ ᠶᠢᠨ ᠨᠣᠷᠠᠬᠤ ᠠᠶᠣᠯᠲᠠᠢ ᠭᠡᠷ ᠪᠠᠶᠢᠰᠢᠩ ᠢ ᠰᠢᠨᠡᠳᠭᠡᠨ᠂ ᠰᠢᠨ᠎ᠡ ᠪᠠᠷ ᠭᠠᠴᠠᠭ᠎ᠠ | ᠲᠣᠰᠬᠤᠨ ᠤ ᠶᠡᠷᠣᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠦᠷᠲᠡᠭᠡ ᠶᠢ 42᠂ ᠠᠷᠠᠳ ᠲᠤ ᠲᠦᠬᠦᠮ ᠦᠵᠡᠬᠦᠯᠬᠦ ᠴᠢᠯᠣᠬᠡᠳᠣ ᠲᠡᠯᠭᠡᠬᠦᠷ ᠢ 52 | ᠪᠠᠶᠢᠭᠤᠯᠵᠣ᠂ ᠨᠡᠶᠢᠲᠡ ᠶᠢᠨ ᠦᠢᠯᠡᠴᠢᠯᠡᠭᠡᠨ ᠤ ᠲᠡᠩᠴᠡᠬᠦᠷᠢᠲᠣ ᠲᠦᠪᠰᠢᠨ ᠢ ᠲᠡᠣᠬᠡᠳᠣ ᠰᠢᠪᠳᠣᠯᠣᠯᠲᠠ ᠲᠠᠢ ᠪᠣᠯᠭᠠᠪᠠ᠃ ᠠᠩᠬᠠᠳᠠᠭᠴᠢ ᠨᠢᠬᠡᠳᠣᠬᠡᠷ ᠲᠡᠰ ᠤᠨ | ᠵᠠᠰᠠᠮᠠᠯ ᠵᠠᠮ ᠲᠡᠷᠭᠡ ᠨᠡᠪᠲᠡᠷᠡᠵᠤ᠂ ᠠᠩᠬᠠᠳᠠᠭᠴᠢ ᠲᠦᠷᠬᠡᠨ ᠵᠠᠮ ᠠᠰᠢᠭᠯᠠᠯᠲᠠ ᠳᠤ ᠣᠷᠣᠬᠤ ᠪᠠᠷ ᠪᠣᠯᠵᠣ᠂ ᠰᠢᠨ᠎ᠡ ᠵᠠᠰᠠᠭᠰᠠᠨ ᠬᠤᠶᠠᠳᠣᠭᠠᠷ ᠲᠡᠰ ᠠᠴᠠ | ᠲᠡᠬᠡᠭᠰᠢᠬᠢ ᠵᠠᠰᠠᠮᠠᠯ ᠵᠠᠮ 605.3 ᠺᠢᠯᠣᠮᠧᠲᠷ ᠬᠦᠷᠪᠠ︔ ᠭᠠᠴᠠᠭ᠎ᠠ ᠲᠣᠰᠬᠤᠨ ᠤ ᠵᠠᠰᠠᠮᠠᠯ ᠵᠠᠮ ᠢ ᠰᠢᠨ᠎ᠡ ᠪᠠᠷ 2230 ᠺᠢᠯᠣᠮᠧᠲᠷ ᠵᠠᠰᠠᠵᠣ᠂ ᠵᠦᠪᠬᠡᠨ | 2016 ᠣᠨ ᠤ ᠵᠠᠰᠠᠭᠰᠠᠨ ᠵᠠᠮ ᠬᠤᠰᠢᠭᠤ ᠪᠠᠶᠢᠭᠤᠯᠣᠭᠳᠠᠭᠰᠠᠨ 30 ᠭᠠᠷᠣᠢ ᠵᠢᠯ ᠤᠨ ᠨᠡᠶᠢᠯᠡᠪᠣᠷᠢ ᠠᠴᠠ ᠴᠦ ᠲᠠᠪᠠᠵᠣ᠂ ᠮᠠᠯᠴᠢᠨ ᠲᠠᠷᠢᠶᠠᠴᠢᠳ ᠤᠨ ᠶᠠᠪᠣᠵᠣ | ᠰᠠᠭᠤᠬᠤ ᠪᠠ ᠮᠠᠯ ᠲᠠᠷᠢᠶᠠᠯᠠᠩ ᠤᠨ ᠠᠰᠢᠭ ᠰᠢᠮ᠎ᠡ ᠪᠠᠨ ᠪᠣᠷᠣᠯᠠᠭᠤᠯᠬᠤ ᠳᠤ ᠮᠠᠰᠢ ᠲᠦᠬᠦᠮ ᠪᠣᠯᠪᠠ᠃ ᠲᠤᠯᠢ ᠠᠴᠠ ᠱᠠᠩᠬᠠᠢ ᠶᠢᠨ ᠰᠥᠮ᠎ᠡ ᠭᠥᠷᠭᠦ ᠲᠠᠮᠦᠷ ᠵᠠᠮ | ᠤᠨ ᠲᠣᠯᠢ ᠠᠴᠠ ᠣᠯᠵᠠᠴᠢ ᠬᠦᠷᠬᠦ ᠬᠡᠰᠡᠭ ᠲᠡᠷᠭᠡ ᠨᠡᠪᠲᠡᠷᠡᠬᠦ ᠨᠦᠬᠦᠴᠡᠯ ᠪᠦᠷᠢᠳᠴᠤ᠂ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠡᠮᠣᠷ ᠵᠠᠮ ᠤᠨ ᠡᠮᠣᠨ᠎ᠡ | ᠬᠤᠭᠤᠴᠠᠭᠠᠨ ᠤ ᠠᠵᠢᠯ ᠡᠳᠣᠭᠡ ᠶᠠᠭ ᠶᠠᠪᠣᠭᠳᠠᠵᠣ ᠪᠣᠢ︔ ᠣᠲᠤᠭ ᠤᠨ ᠡᠮᠣᠨᠡᠳᠣ ᠬᠤᠰᠢᠭᠤᠨ ᠤ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ | ᠪᠠᠷᠢᠯᠭᠠᠡᠬᠢᠯᠡᠵᠣ᠂ ᠪᠡᠶᠡᠳᠣ ᠵᠠᠮ ᠬᠠᠷᠢᠯᠴᠠᠭᠠᠨ ᠤ ᠬᠤᠭᠤᠰᠣᠨ ᠢ ᠨᠦᠬᠦᠪᠣᠷᠢᠯᠡᠪᠡ︔ ᠰᠢᠨ᠎ᠡ ᠪᠠᠷ 110 ᠺᠢᠯᠤᠸᠥᠯᠲ ᠤᠨᠴᠠᠬᠢᠯᠭᠠᠨ ᠬᠤᠪᠢᠰᠬᠠᠨ ᠲᠠᠮᠵᠢᠭᠤᠯᠬᠤ | ᠢᠨᠵᠧᠨᠧᠷᠢᠩ ᠢ 8᠂ 35 ᠺᠢᠯᠤᠸᠥᠯᠲ ᠤᠨ ᠴᠠᠬᠢᠯᠭᠠᠨ ᠬᠤᠪᠢᠰᠬᠠᠬᠤ ᠦᠷᠲᠡᠭᠡ ᠶᠢ 9 ᠪᠠᠶᠢᠭᠤᠯᠣᠨ᠂ ᠰᠢᠨ᠎ᠡ ᠪᠠᠶᠢᠭᠤᠯᠣᠭᠰᠠᠨ ᠪᠠ ᠦᠬᠡᠷᠡᠴᠢᠯᠡᠭᠰᠡᠨ ᠴᠠᠬᠢᠯᠭᠠᠨ | ᠲᠣᠣᠷ ᠤᠨ ᠵᠠᠮ ᠱᠣᠭᠤᠮ 3940 ᠺᠢᠯᠦᠮᠧᠲᠷ ᠬᠦᠷᠣᠨ᠂ ᠮᠠᠯᠴᠢᠨ ᠲᠠᠷᠢᠶᠠᠴᠢᠨ ᠡᠷᠣᠬᠡ ᠶᠢᠨ ᠴᠠᠬᠢᠯᠭᠠᠨ ᠨᠡᠪᠳᠡᠷᠡᠭᠰᠡᠨ ᠨᠣᠷᠮ᠎ᠠ 100% ᠳᠤ ᠬᠦᠷᠴᠦ᠂ | ᠬᠦᠭᠵᠢᠯᠲᠡ ᠶᠢ ᠲᠣᠯᠭᠠᠭᠤᠷᠢᠯᠠᠬᠤ ᠴᠠᠬᠢᠯᠭᠠᠨ ᠬᠦᠴᠦᠨ ᠤ ᠨᠦᠬᠦᠴᠡᠯ ᠤᠨ ᠦᠨᠳᠣᠰᠣᠨ ᠴᠢᠨᠠᠷᠲᠠᠢ ᠰᠠᠶᠢᠵᠢᠷᠠᠯᠲᠠ ᠶᠢ ᠪᠡᠶᠡᠯᠡᠬᠦᠯᠪᠡ᠃ ᠠᠮᠢ ᠠᠬᠤᠢ ᠶᠢᠨ | ᠪᠠᠶᠢᠭᠤᠯᠣᠯᠲᠠ ᠶᠢ 270 ᠲᠦᠮᠡᠨ ᠮᠣ᠋ ᠪᠡᠶᠡᠯᠡᠬᠦᠯᠵᠤ᠂ ᠬᠦᠷᠦᠰᠦ ᠰᠢᠷᠣᠢ ᠶᠢᠨ ᠢᠳᠡᠭᠳᠡᠯ ᠤᠨ ᠵᠠᠰᠠᠯᠲᠠ ᠶᠢ 176.3 ᠲᠦᠮᠡᠨ ᠮᠣ᠋ ᠬᠡᠷᠡᠭᠵᠢᠬᠦᠯᠵᠣ᠂ ᠣᠢ | ᠰᠢᠭᠤᠢ ᠶᠢᠨ ᠪᠦᠷᠬᠦᠴᠡ ᠪᠣᠯᠣᠨ ᠣᠷᠭᠤᠮᠠᠯ ᠤᠨ ᠪᠦᠷᠬᠦᠪᠴᠢ ᠲᠣᠰᠪᠣᠷᠢ 23.9% ᠪᠠ 46% ᠳᠤ ᠬᠦᠷᠴᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ | ᠱᠠᠳᠤᠴᠢ ᠲᠠᠪᠰᠢᠯᠳᠠ ᠲᠠᠢ ᠪᠤᠯᠪᠠ᠃ ᠲᠠᠪᠤᠨ ᠵᠢᠯ ᠭᠥᠴᠥ ᠪᠠᠨ ᠲᠥᠪᠯᠡᠷᠡᠭᠦᠯᠥᠨ ᠪᠡᠷᠭᠡ ᠶᠢ ᠰᠢᠪᠳᠤᠯᠵᠤ᠂ ᠬᠤᠳᠠ ᠭᠥᠳᠡᠭᠡ ᠶᠢᠨ ᠲᠥᠷᠢ ᠪᠠᠶᠢᠳᠠᠯ ᠢ | ᠬᠤᠪᠢᠷᠠᠭᠤᠯᠤᠭᠰᠠᠨ ᠮᠥᠷᠳᠡᠭᠡᠨ ᠭᠥᠭᠵᠢᠯᠳᠡ ᠶᠢᠨ ᠤᠷᠤᠨ ᠵᠠᠢ ᠶᠢ ᠥᠷᠭᠡᠳᠭᠡᠭᠰᠡᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠪᠦᠬᠦ ᠨᠡᠶᠢᠬᠡᠮ ᠤᠨ ᠠᠮᠢᠵᠢᠷᠠᠯ ᠤᠨ ᠬᠦᠴᠦᠨ ᠢ ᠬᠦᠭᠵᠢᠬᠡᠵᠣ᠂ ᠪᠠᠶᠢᠭᠤᠯᠣᠮᠵᠢ ᠲᠣᠭᠲᠠᠴᠠ ᠶᠢᠨ ᠲᠣᠲᠠᠭᠳᠠᠯ ᠢ | ᠠᠷᠢᠯᠭᠠᠵᠣ᠂ ᠦᠬᠡᠷᠡᠴᠢᠯᠡᠯᠲᠡ ᠶᠢᠨ ᠪᠦᠬᠦ ᠲᠠᠯ᠎ᠠ ᠶᠢᠨ ᠬᠦᠨᠵᠡᠬᠡᠶᠢᠷᠡᠯᠲᠡ ᠶᠢ ᠬᠦᠨᠴᠡ ᠲᠠᠢ ᠠᠬᠢᠭᠤᠯᠣᠯᠲᠠ ᠶᠢᠨ ᠰᠢᠨ᠎ᠡ ᠱᠠᠲᠣᠨ ᠳᠤ ᠭᠠᠷᠭᠠᠪᠠ᠃ | ᠦᠬᠡᠷᠡᠴᠢᠯᠡᠯᠲᠡ ᠰᠢᠨᠡᠴᠢᠯᠡᠯᠲᠡ ᠶᠢ ᠢᠮᠠᠭᠲᠠ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠲᠣᠳᠣᠭᠠᠳᠣ ᠬᠦᠳᠡᠯᠬᠡᠭᠴᠢ ᠬᠦᠴᠦᠨ ᠢ ᠨᠡᠮᠡᠭᠳᠡᠬᠦᠯᠬᠦ ᠴᠢᠬᠤᠯᠠ | ᠭᠠᠷᠳᠠᠴᠠ ᠪᠣᠯᠭᠠᠨ᠂ ᠵᠠᠩᠬᠢᠯᠠᠭ᠎ᠠ ᠶᠢᠨ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠣᠭᠠᠨ ᠤ ᠦᠬᠡᠷᠡᠴᠢᠯᠡᠯᠲᠡ ᠶᠢ ᠠᠬᠢᠭᠤᠯᠣᠨ᠂ ᠦᠬᠡᠷᠡᠴᠢᠯᠡᠯᠲᠡ ᠶᠢᠨ ᠦᠷ᠎ᠡ | ᠪᠦᠲᠦᠬᠡᠯ ᠨᠡᠶᠢᠳᠡ 500 ᠭᠠᠷᠣᠢ ᠳᠤ ᠬᠦᠷᠪᠡ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠦᠬᠡᠷᠡᠴᠢᠯᠡᠯᠲᠡ ᠪᠦᠬᠦ ᠣᠯᠣᠰ ᠤᠨ ᠠᠳᠠᠯᠢ ᠬᠤᠭᠤᠴᠠᠭᠠᠨ ᠤ | ᠲᠡᠷᠢᠬᠦᠨ ᠤ ᠲᠦᠪᠰᠢᠨ ᠳᠤ ᠬᠦᠷᠴᠦ᠂ ᠪᠠᠷᠠᠭᠤᠨ ᠬᠤᠶᠢᠳᠣ ᠣᠷᠣᠨ ᠤ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠠᠶᠢᠭᠤᠯᠣᠯᠲᠠ ᠳᠤ ᠣᠲᠤᠭ ᠤᠨ ᠡᠮᠣᠨᠡᠲᠣ | ᠬᠤᠰᠢᠭᠤᠨ ᠤ ᠪᠠᠨ ᠲᠦᠰᠣᠯ ᠢ ᠬᠠᠩᠭᠠᠪᠠ︔ ᠪᠦᠬᠦ ᠣᠷᠣᠨ ᠤ ᠠᠩᠬᠠᠳᠠᠭᠴᠢ ᠬᠤᠰᠢᠭᠤ ᠲᠡᠰ ᠤᠨ ᠳ᠋ᠠᠶᠢᠲ᠋ᠠ ᠲᠦᠪ ᠪᠦᠬᠦ ᠲᠠᠯ᠎ᠠ ᠪᠠᠷ ᠠᠰᠢᠭᠯᠠᠯᠲᠠ ᠳᠤ ᠣᠷᠣᠵᠣ | ᠂ ᠬᠤᠰᠢᠭᠤ ᠨᠣᠲᠤᠭ ᠤᠨ ᠵᠠᠰᠠᠯᠲᠠ ᠶᠢᠨ ᠴᠢᠳᠠᠪᠣᠷᠢ ᠶᠢᠨ ᠣᠳᠣᠬᠢᠴᠢᠯᠠᠯᠲᠠ ᠶᠢᠨ ᠲᠦᠪᠰᠢᠨ ᠶᠡᠬᠡᠪᠡᠷ ᠲᠡᠬᠡᠭᠰᠢᠯᠡᠪᠡ᠃ ᠨᠡᠶᠢᠬᠡᠮ ᠤᠨ ᠬᠦᠷᠢᠶ᠎ᠡ ᠴᠠᠷᠠᠭᠠᠨ ᠤ | ᠦᠬᠡᠷᠡᠴᠢᠯᠡᠯᠲᠡ ᠲᠣᠪᠣᠶᠢᠮ᠎ᠠ ᠪᠦᠲᠦᠮᠵᠢ ᠣᠯᠵᠣ᠂ ᠪᠦᠬᠦ ᠣᠷᠣᠨ ᠳᠤ ᠪᠠᠨ ᠡᠩ ᠲᠡᠷᠢᠬᠦᠨ ᠳᠤ ᠶᠡᠷᠣᠩᠬᠡᠶᠢᠯᠡᠭᠰᠡᠨ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢᠨ | ᠦᠬᠡᠷᠡᠴᠢᠯᠡᠯᠲᠡ ᠪᠣᠯᠣᠨ ᠲᠣᠳᠣᠭᠠᠳᠣ ᠶᠢ ᠬᠠᠮᠠᠭᠠᠯᠠᠬᠤ ︽ᠲᠣᠮᠣ ᠰᠠᠯᠠᠭ᠎ᠠ ᠮᠦᠴᠢᠷ᠂ ᠲᠣᠮᠣ ᠴᠠᠭᠳᠠᠭᠠᠨ ᠲᠦᠷᠦᠯ︾ ᠢ ᠬᠡᠷᠡᠭᠵᠢᠬᠦᠯᠵᠣ᠂ ᠪᠦᠬᠦ ᠣᠷᠣᠨ ᠤ | ᠠᠩᠬᠠᠳᠠᠭᠴᠢ ᠬᠤᠰᠢᠭᠤ ᠲᠡᠰ ᠤᠨ ᠰᠦᠯᠵᠢᠶ᠎ᠡ ᠪᠠᠷ ᠬᠠᠣᠯᠢ ᠬᠡᠷᠡᠭᠵᠢᠬᠦᠯᠬᠦ ᠠᠩᠬᠢ᠂ ᠠᠩᠬᠠᠳᠠᠭᠴᠢ ᠬᠤᠰᠢᠭᠤ ᠲᠡᠰ ᠤᠨ ᠵᠠᠰᠠᠭ ᠤᠨ ᠣᠷᠳᠣᠨ ᠤ ᠬᠠᠣᠯᠢ ᠴᠠᠭᠠᠵᠠ | ᠶᠢᠨ ᠶᠠᠪᠣᠳᠠᠯ ᠤᠨ ᠲᠦᠪ ᠢ ᠪᠠᠶᠢᠭᠤᠯᠵᠣ᠂ ᠬᠠᠣᠯᠢ ᠪᠠᠷ ᠬᠤᠰᠢᠭᠤ ᠪᠠᠨ ᠵᠠᠰᠠᠬᠤ ᠠᠵᠢᠯ ᠱᠠᠲᠣᠴᠢ ᠪᠦᠲᠦᠮᠵᠢ ᠣᠯᠪᠠ᠃ ᠴᠢᠯᠣᠬᠡᠲᠡᠢ ᠬᠠᠮᠲᠣᠷᠠᠯᠴᠠᠭ᠎ᠠ ᠬᠦᠨᠵᠡᠬᠡᠢ | ᠠᠬᠢᠵᠣ᠂ ᠠᠺᠠᠳᠧᠮᠢᠴᠢ ᠶᠢᠨ ᠠᠵᠢᠯ ᠤᠨ ᠦᠷᠲᠡᠭᠡ ᠳᠤ ᠲᠦᠰᠢᠭᠯᠡᠨ᠂ ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ | ᠵᠡᠷᠭᠡ ᠬᠦᠷᠢᠶ᠎ᠡ ᠴᠠᠷᠠᠭᠠᠨ ᠳᠤ ᠣᠯᠣᠰ ᠠᠯᠣᠰᠯᠠᠨ ᠢᠳᠡᠪᠬᠢᠲᠡᠢ ᠬᠠᠮᠳᠣᠷᠠᠯᠴᠠᠵᠣ᠂ ᠮᠣᠩᠭᠤᠯ ᠣᠯᠣᠰ ᠲᠤ ᠨᠣᠣᠯᠣᠭᠤᠷ ᠨᠡᠮᠡᠭᠳᠡᠬᠦᠯᠬᠦ ᠲᠠᠭᠤᠷᠢᠶᠠᠯ ᠤᠨ ᠴᠡᠭ ᠢ 10 | ᠪᠠᠶᠢᠭᠤᠯᠪᠠ︔ ᠢᠷᠭᠠᠢ ᠶᠢᠨ ᠨᠡᠶᠢᠭᠡᠮ ᠤᠨ ᠴᠢᠨᠠᠷᠯᠢᠭ ᠡᠬᠢ ᠰᠣᠷᠪᠣᠯᠵᠢ ᠶᠢᠨ ᠲᠠᠶᠢᠴᠢᠯᠠᠯ ᠢ ᠰᠠᠨᠠᠭᠠᠴᠢᠯᠭᠠᠲᠠᠢ ᠬᠦᠯᠢᠶᠡᠵᠣ᠂ ᠡᠮᠴᠢᠯᠡᠭᠡᠨ ᠤ ᠪᠠᠴᠢᠮ ᠠᠪᠣᠷᠠᠯᠲᠠ᠂ | ︽ᠣᠷᠢᠲᠡᠪᠡᠷ ᠡᠮᠴᠢᠯᠡᠬᠦᠯᠵᠣ᠂ ᠰᠡᠬᠦᠯᠡᠷ ᠨᠢ ᠵᠠᠷᠣᠳᠠᠯ ᠲᠣᠰᠢᠶᠠᠬᠤ︾᠂ ᠪᠠᠭᠰᠢ ᠰᠣᠷᠣᠭᠴᠢᠳ ᠤᠨ ᠬᠠᠷᠢᠯᠴᠠᠭ᠎ᠠ ᠵᠡᠷᠭᠡ ᠲᠠᠯ᠎ᠠ ᠪᠠᠷ ᠣᠷᠣᠨ ᠠᠯᠣᠰᠯᠠᠭᠰᠠᠨ | ᠪᠣᠳᠠᠲᠠᠢ ᠬᠠᠮᠳᠣᠷᠠᠯᠴᠠᠭᠠᠦᠷᠨᠢᠬᠦᠯᠵᠣ᠂ ᠣᠷᠣᠨ ᠬᠡᠪᠴᠢᠶᠡᠨ ᠤ ᠬᠠᠮᠳᠣᠷᠠᠯᠴᠠᠭ᠎ᠠ ᠶᠢᠨ ᠰᠢᠪᠲᠣᠯᠣᠯᠲᠠ ᠲᠠᠢ ᠪᠣᠯᠪᠠ᠃ ᠲᠠᠪᠣᠨ ᠵᠢᠯ ᠦᠬᠡᠷᠡᠴᠢᠯᠡᠯᠲᠡ ᠶᠢ | ᠬᠦᠨᠵᠡᠬᠡᠶᠢᠷᠡᠬᠦᠯᠵᠤ᠂ ᠬᠦᠭᠵᠢᠯᠲᠡ ᠶᠢᠨ ᠬᠦᠳᠡᠯᠬᠡᠭᠴᠢ ᠬᠦᠴᠦᠨ ᠤ ᠬᠤᠪᠢᠰᠣᠯᠲᠠ ᠶᠢ ᠲᠦᠷᠬᠡᠳᠬᠡᠭᠰᠡᠨ ᠮᠦᠷᠲᠡᠭᠡᠨ ᠢᠷᠡᠭᠡᠳᠣᠢ ᠶᠢᠨ ᠬᠦᠭᠵᠢᠯᠲᠡ ᠳᠤ ᠬᠦᠴᠦᠷᠬᠡᠭ | ᠶᠡᠭᠡ ᠰᠢᠨᠡᠬᠦ᠋ᠳᠡᠯᠬᠡᠭᠴᠢ ᠬᠦᠴᠦᠨ ᠬᠠᠩᠭᠠᠭᠰᠠᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠣᠯᠠᠨ ᠲᠦᠮᠡᠨ ᠤ ᠬᠦᠷᠲᠡᠮᠵᠢ ᠶᠢ ᠬᠦᠴᠦᠯᠡᠨ ᠨᠡᠮᠡᠭᠳᠡᠬᠦᠯᠵᠣ᠂ ᠠᠷᠠᠳ ᠤᠨ ᠠᠮᠢᠳᠣᠷᠠᠯ ᠢ ᠬᠠᠷᠠᠭᠠᠯᠵᠠᠨ ᠡᠶ᠎ᠡ | ᠵᠣᠬᠢᠴᠡᠯ ᠢ ᠠᠬᠢᠭᠤᠯᠵᠣ᠂ ᠨᠡᠶᠢᠭᠡᠮ ᠤᠨ ᠦᠢᠯᠡᠰ ᠢ ᠬᠠᠮᠳᠣᠪᠡᠷ ᠪᠠᠶᠢᠭᠤᠯᠣᠨ ᠬᠠᠮᠲᠣ ᠡᠳ᠋ᠯᠡᠬᠦ ᠰᠢᠨ᠎ᠡ ᠱᠠᠲᠣᠨ ᠳᠤ ᠭᠠᠷᠭᠠᠪᠠ᠃ ᠠᠷᠠᠳ ᠲᠦᠮᠡᠨ ᠤ ᠰᠠᠶᠢᠨ | ᠰᠠᠶᠢᠬᠠᠨ ᠠᠮᠢᠳᠣᠷᠠᠯ ᠤᠨ ᠬᠦᠰᠡᠯ ᠡᠷᠡᠮᠡᠯᠵᠡᠯ ᠢ ᠢᠮᠠᠭᠲᠠ ᠵᠠᠰᠠᠭ ᠶᠠᠪᠣᠭᠤᠯᠣᠨ ᠲᠣᠰᠢᠶᠠᠯ ᠢᠶᠠᠨ ᠬᠦᠢᠴᠡᠳᠬᠡᠬᠦ ᠲᠡᠮᠡᠴᠡᠯ ᠤᠨ ᠬᠠᠷᠠᠯᠲᠠ ᠪᠣᠯᠭᠠᠨ᠂ ᠨᠡᠶᠢᠲᠡ ᠶᠢᠨ | ᠡᠳ᠋ ᠤᠨ ᠵᠠᠰᠠᠭ ᠤᠨ ᠠᠷᠠᠳ ᠤᠨ ᠠᠮᠢᠳᠣᠷᠠᠯ ᠳᠠᠬᠢ ᠬᠡᠷᠡᠭᠯᠡᠯᠲᠡ ᠶᠢᠨ ᠬᠠᠷᠢᠴᠠᠯ ᠲᠠᠪᠣᠨ ᠵᠢᠯ ᠵᠠᠯᠭᠠᠪᠡᠷ 70% ᠠᠴᠠ ᠲᠠᠪᠠᠵᠣ᠂ ᠨᠡᠶᠢᠲᠡ 115.7 ᠳ᠋ᠦᠩᠰᠢᠭᠤᠷ | ᠲᠦᠬᠦᠷᠢᠭ ᠲᠤ ᠬᠦᠷᠪᠡ᠃ ᠶᠠᠳᠠᠭᠤ ᠠᠴᠠ ᠠᠩᠬᠢᠵᠢᠷᠠᠭᠤᠯᠬᠤ ᠰᠢᠪᠲᠣᠯᠣᠯᠲᠠ ᠰᠢᠢᠳᠪᠣᠷᠢᠯᠡᠭᠴᠢ ᠠᠬᠢᠯᠲᠠ ᠲᠠᠢ ᠪᠣᠯᠵᠣ᠂ ᠶᠠᠳᠠᠭᠤ ᠬᠦᠴᠢᠷᠳᠡᠯ ᠤᠨ ᠨᠣᠷᠮ᠎ᠠ6. | 7% ᠠᠴᠠ ᠲᠣᠷᠣᠭᠰᠢᠯᠠᠭᠠᠳ 0.25% ᠪᠣᠯᠪᠠ᠃ ᠰᠣᠷᠭᠠᠨ ᠬᠦᠮᠦᠵᠢᠯ ᠤᠨ ᠦᠢᠯᠡᠰ ᠲᠡᠩᠴᠡᠬᠦᠷᠢᠲᠠᠢ ᠬᠦᠭᠵᠢᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ | ᠤᠨ ᠲᠡᠩᠴᠡᠭᠦᠷᠢᠳᠦ ᠬᠦᠭᠵᠢᠯᠳᠠ ᠣᠯᠣᠰ ᠤᠨ ᠰᠢᠶᠡᠨ ᠤ ᠬᠡᠪᠴᠢᠶᠡᠨ ᠤ ᠠᠯᠪᠠᠨ ᠵᠢᠷᠤᠮ ᠤᠨ ᠥᠨᠳᠥᠰᠥᠨ ᠲᠡᠩᠴᠡᠭᠦᠷᠢᠰᠢᠯ ᠤᠨ ᠨᠤᠳᠠᠯᠠᠯ ᠢ ᠠᠮᠵᠢᠯᠲᠠ ᠲᠠᠢ | ᠲᠣᠭᠤᠯᠵᠣ᠂ 29 ᠲᠣᠮᠳᠠᠲᠣ ᠪᠠᠭᠠᠰᠣᠷᠭᠠᠭᠤᠯᠢ ᠬᠡᠤᠬᠡᠤᠨ ᠤᠨ ᠴᠡᠴᠡᠷᠯᠢᠭ ᠢ ᠰᠢᠨ᠎ᠡ ᠪᠠᠷ ᠪᠠ ᠦᠷᠭᠡᠳᠭᠡᠨ ᠪᠠᠶᠢᠭᠤᠯᠵᠣ᠂ ᠰᠣᠷᠭᠠᠭᠤᠯᠢ ᠡᠷᠬᠢᠯᠡᠬᠦ ᠲᠦᠪᠰᠢᠨ | ᠲᠡᠭᠡᠭᠰᠢᠯᠡᠨ ᠰᠣᠷᠭᠠᠭᠤᠯᠢ ᠡᠷᠬᠢᠯᠡᠬᠦ ᠤᠨᠴᠠᠯᠢᠭ ᠲᠣᠪᠣᠶᠢᠵᠣ᠂ ᠬᠤᠰᠢᠭᠤᠨ ᠤ ᠠᠵᠢᠯ ᠮᠡᠷᠭᠡᠵᠢᠯ ᠤᠨ ᠲᠣᠮᠳᠠᠲᠣ ᠰᠣᠷᠭᠠᠭᠤᠯᠢ ᠶᠢᠨ ᠦᠨᠳᠣᠰᠣᠲᠡᠨ ᠤ ᠭᠠᠷ ᠣᠷᠠᠯᠠᠯ | ᠤᠨ ᠲᠣᠰᠬᠠᠢ ᠮᠡᠷᠭᠡᠵᠢᠯ ᠣᠯᠣᠰ ᠤᠨ ᠠᠩᠬᠠᠳᠠᠭᠴᠢ ᠪᠦᠯᠦᠭ ᠦᠨᠳᠣᠰᠣᠲᠡᠨ ᠤ ᠰᠣᠶᠣᠯ ᠤᠨ ᠦᠪᠯᠡᠯ ᠣᠯᠠᠮᠵᠢᠯᠡᠯ ᠤᠨ ᠲᠠᠭᠤᠷᠢᠶᠠᠯ ᠴᠡᠭ ᠢᠶᠠᠷ ᠦᠨᠡᠯᠡᠭᠳᠡᠵᠣ᠂ | ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ᠂ ᠮᠣᠩᠭᠤᠯ ᠲᠣᠮᠳᠠᠲᠣ ᠰᠣᠷᠭᠠᠭᠤᠯᠢ ︽ᠤᠯᠤᠰ ᠤᠨ ᠳᠡᠰ ᠤᠨ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ︾ | ᠪᠠᠷ ᠦᠨᠡᠯᠡᠭᠳᠡᠨ᠂ ᠰᠣᠷᠭᠠᠨ ᠬᠦᠮᠦᠵᠢᠯ ᠤᠨ ᠶᠠᠮᠣᠨ ᠠᠴᠠ ᠪᠣᠷᠣᠪᠠᠯᠭᠠᠰᠣ ᠪᠠᠭ᠎ᠠ ᠰᠣᠷᠭᠠᠭᠤᠯᠢ ᠶᠢ ︽ᠣᠶᠣᠨᠴᠢ ᠰᠣᠷᠭᠠᠨ ᠬᠦᠮᠦᠵᠢᠯ ᠤᠨ ᠲᠣᠷᠰᠢᠯᠲᠠ ᠶᠢᠨ | ᠰᠣᠷᠭᠠᠭᠤᠯᠢ︾ ᠪᠣᠯᠭᠠᠪᠠ᠃ ᠠᠵᠢᠯ ᠣᠯᠭᠤᠯᠲᠠ ᠶᠢᠨ ᠵᠠᠮ ᠮᠦᠷ ᠢ ᠦᠷᠭᠡᠳᠭᠡᠵᠣ᠂ ᠬᠤᠳᠠ ᠪᠠᠯᠭᠠᠰᠤᠨ ᠳᠤ ᠰᠢᠨ᠎ᠠ ᠪᠠᠷ 6247 ᠬᠦᠮᠤᠨ ᠳᠤ ᠠᠵᠢᠯ | ᠤᠯᠭᠤᠨ᠂ ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ ᠶᠢ 3% ᠶᠢᠨ ᠲᠣᠳᠣᠷ᠎ᠠ ᠬᠢᠵᠠᠭᠠᠷᠯᠠᠵᠣ᠂ ᠢᠮᠠᠭᠲᠠ ᠪᠦᠬᠦ ᠬᠤᠲᠠ ᠶᠢᠨ | ᠲᠣᠮᠳᠠᠴᠢ ᠲᠦᠪᠰᠢᠨ ᠠᠴᠠ ᠲᠣᠣᠷ᠎ᠠ ᠪᠠᠶᠢᠯᠭᠠᠪᠠ᠃ ᠨᠡᠶᠢᠭᠡᠮ ᠤᠨ ᠪᠠᠳᠣᠯᠠᠭ᠎ᠠ ᠶᠢᠨ ᠬᠡᠪᠴᠢᠶ᠎ᠡ ᠶᠢ ᠦᠷᠭᠡᠳᠭᠡᠨ ᠴᠢᠨᠠᠷ ᠢ ᠲᠡᠭᠡᠭᠰᠢᠯᠡᠬᠦᠯᠵᠣ᠂ ᠨᠡᠶᠢᠭᠡᠮ ᠤᠨ | ᠲᠠᠭᠠᠳᠬᠠᠯ ᠪᠠ ᠲᠣᠰᠠᠯᠠᠮᠵᠢ ᠶᠢᠨ ᠪᠠᠷᠢᠮᠵᠢᠶ᠎ᠠ ᠶᠢ ᠶᠡᠬᠡᠪᠡᠷ ᠲᠡᠭᠡᠭᠰᠢᠯᠡᠬᠦᠯᠣᠨ᠂ ᠡᠮ ᠡᠮᠨᠡᠯᠭᠡ ᠶᠢᠨ ᠲᠠᠭᠠᠳᠬᠠᠯ ᠤᠨ ᠣᠨᠳᠣᠣ ᠭᠠᠵᠠᠷ ᠲᠤ ᠲᠣᠬᠠᠢ ᠳᠤᠨᠢ ᠲᠠᠰᠣᠯᠣᠨ | ᠪᠣᠳᠣᠬᠤ ᠶᠢ ᠪᠡᠶᠡᠯᠡᠬᠦᠯᠵᠣ᠂ ᠬᠤᠲᠠ ᠬᠦᠳᠡᠭᠡ ᠶᠢᠨ ᠡᠮ ᠡᠮᠨᠡᠯᠭᠡ ᠶᠢᠨ ᠲᠠᠭᠠᠳᠬᠠᠯ ᠢ ᠵᠡᠷᠭᠡ ᠪᠠᠷ ᠭᠡᠷᠡᠭᠯᠡᠬᠦ᠂ ᠡᠮᠴᠢᠯᠡᠭᠡᠨ ᠠᠴᠠ ᠡᠮᠣᠨ᠎ᠡ ᠠᠪᠣᠷᠠᠨ ᠲᠣᠰᠠᠯᠠᠬᠤ᠂ | ᠶᠠᠳᠠᠭᠤ ᠬᠦᠴᠢᠷᠳᠡᠯᠲᠠᠢ ᠡᠷᠣᠭᠡ ᠶᠢᠨ ᠬᠦᠨᠳᠣ ᠡᠪᠡᠳᠴᠢᠲᠡᠨ ᠢ ᠠᠪᠣᠷᠠᠨ ᠲᠣᠰᠠᠯᠠᠬᠤ ᠵᠠᠭᠪᠣᠷ ᠢ ᠪᠦᠬᠦ ᠲᠠᠯ᠎ᠠ ᠪᠠᠷ ᠲᠦᠭᠡᠮᠡᠯᠵᠢᠬᠦᠯᠵᠣ᠂ ᠡᠮ ᠡᠮᠨᠡᠯᠬᠡᠡᠷᠡᠬᠦᠯᠵᠢᠯ | ᠰᠤᠪᠢᠯᠠᠯ ᠤᠨ ᠤᠶᠠᠯᠳᠤᠭᠤᠯᠤᠯ ᠨᠢ ᠦᠪᠡᠷᠲᠡᠭᠡᠨ ᠵᠠᠰᠠᠬᠤ ᠣᠷᠣᠨ ᠤ ᠳᠤᠷᠰᠢᠯᠳᠠ ᠶᠢᠨ ᠴᠡᠭ ᠪᠣᠯᠪᠠ᠃ ᠪᠠᠳᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 40 | ᠲᠦᠮᠡᠨ ᠺᠦᠸᠠᠳ᠋ ᠮᠧᠲᠷ ᠪᠠᠶᠢᠭᠤᠯᠣᠨ᠂ ᠬᠤᠲᠠ ᠬᠦᠳᠡᠭᠡ ᠶᠢᠨ ᠲᠣᠣᠷ᠎ᠠ ᠣᠷᠣᠯᠭᠠᠲᠣ ᠣᠯᠠᠨ ᠲᠦᠮᠡᠨ ᠤ ᠣᠷᠣᠨ ᠰᠠᠭᠤᠴᠠ ᠶᠢᠨ ᠨᠦᠬᠦᠴᠡᠯ ᠢ ᠦᠷᠬᠦᠯᠵᠢᠯᠡᠨ | ᠰᠠᠶᠢᠵᠢᠷᠠᠭᠤᠯᠪᠠ᠃ ᠠᠷᠠᠳ ᠤᠨ ᠣᠷᠠᠯᠢᠭᠴᠢᠳ ᠤᠨ ᠬᠡᠪᠴᠢᠶᠡᠵᠢᠯ ᠲᠠᠢ ᠵᠣᠬᠢᠶᠠᠨ ᠪᠠᠶᠢᠭᠤᠯᠣᠯᠲᠠ ᠶᠢ 40 ᠬᠦᠭᠵᠢᠬᠦᠯᠣᠨ᠂ ᠰᠣᠶᠣᠯ ᠤᠨ ᠲᠠᠭᠤᠷᠢᠶᠠᠯ ᠡᠷᠣᠭᠡ ᠶᠢ | 184᠂ ᠲᠠᠯ᠎ᠠ ᠨᠣᠲᠤᠭ ᠤᠨ ᠨᠣᠮ ᠤᠨ ᠦᠷᠦᠭᠡ ᠶᠢ 86 ᠪᠠᠶᠢᠭᠤᠯᠵᠣ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠪᠦᠬᠦ ᠭᠥᠷᠢᠶ᠎ᠡ ᠴᠠᠷᠠᠭ᠎ᠠ ᠪᠦᠬᠦ | ᠴᠠᠭ ᠬᠤᠭᠤᠴᠠᠭᠠᠨ ᠤ ᠲᠥᠭᠡᠮᠡᠯᠵᠢᠯ ᠢ ᠪᠡᠶᠡᠯᠡᠭᠦᠯᠪᠡ᠃ ︽ᠡᠷᠡᠬᠦᠯ ᠡᠩᠭᠡ ᠡᠮᠣᠨᠡᠲᠣ ᠣᠲᠤᠭ︾ ᠤᠨ ᠪᠠᠶᠢᠭᠤᠯᠣᠯᠲᠠ ᠯᠠᠪᠳᠠᠭᠤᠨ ᠠᠬᠢᠵᠤ᠂ ᠰᠢᠨ᠎ᠡ ᠪᠠᠷ ᠡᠮᠨᠡᠯᠭᠡ | ᠶᠢᠨ ᠬᠤᠷᠢᠶ᠎ᠠ᠂ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ 46 ᠪᠠᠶᠢᠭᠤᠯᠵᠣ᠂ ᠮᠢᠩᠭᠠᠨ ᠬᠦᠮᠦᠨ ᠲᠣᠳᠣᠮ | ᠤᠨ ᠡᠪᠡᠳᠴᠢᠳᠡᠨ ᠤ ᠣᠷᠣ ᠪᠠᠡᠮᠨᠡᠯᠭᠡ ᠶᠢᠨ ᠠᠵᠢᠯᠳᠠᠨ ᠢ 2012 ᠣᠨ ᠠᠴᠠ ᠲᠣᠰᠪᠣᠷᠢ 39.7% ᠪᠠ 22.1% ᠨᠡᠮᠡᠭᠳᠡᠭᠦᠯᠦᠨ᠂ ᠪᠦᠬᠦ ᠬᠤᠲᠠ ᠳᠤ ᠪᠠᠨ | ᠲᠡᠷᠢᠭᠦᠯᠡᠨ ᠮᠠᠯᠵᠢᠬᠤ ᠲᠠᠷᠢᠶᠠᠯᠠᠬᠤ ᠣᠷᠣᠨ ᠤ ᠡᠷᠡᠬᠦᠯ ᠮᠡᠨᠳᠣ ᠶᠢᠨ ᠡᠮ ᠤᠨ ᠬᠠᠶᠢᠷᠴᠠᠭ ᠤᠨ ᠪᠦᠬᠦ ᠪᠦᠷᠬᠦᠴᠠ ᠶᠢ ᠪᠡᠶᠡᠯᠡᠬᠦᠯᠪᠡ᠃ ︽ᠴᠠᠬᠢᠷᠮ᠎ᠠ ᠴᠢᠳᠠᠪᠦᠷᠢᠳᠡᠨ | ︾ ᠪᠠᠶᠢᠯᠳᠣᠬᠤ ᠪᠣᠳᠣᠯᠭ᠎ᠠ ᠶᠢ ᠭᠦᠨᠵᠡᠭᠡᠢ ᠭᠡᠷᠡᠭᠵᠢᠬᠦᠯᠵᠣ᠂ ᠲᠣᠰᠬᠠᠢ ᠴᠢᠳᠠᠪᠦᠷᠢᠳᠠᠨ ᠢ 935 ᠣᠷᠣᠭᠤᠯᠵᠣ᠂ ᠣᠯᠣᠰ ᠤᠨ ᠲᠣᠰᠬᠠᠢ ᠠᠰᠢᠭ ᠢ 107 ᠣᠯᠵᠣ᠂ | ︽ᠪᠦᠬᠦ ᠣᠯᠣᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠲᠡᠷᠢᠭᠦᠨ ᠤ ᠰᠢᠶᠠᠨ︾ ᠢᠶᠠᠷ ᠦᠨᠡᠯᠡᠭᠳᠡᠨ᠂ ᠰᠢᠨᠵᠢᠯᠡᠭᠡ ᠮᠡᠷᠭᠡᠵᠢᠯ ᠡᠳᠣᠷ ᠢᠷᠡᠬᠦᠶ᠎ᠡ ᠪᠦᠲᠦᠴᠡ | ᠶᠢᠨ ᠬᠤᠪᠢᠷᠠᠭᠤᠯᠣᠯᠲᠠ᠂ ᠰᠢᠨᠡᠴᠢᠯᠡᠯ ᠲᠠᠢ ᠬᠦᠭᠵᠢᠯᠲᠡ ᠶᠢᠨ ᠭᠤᠣᠯ ᠬᠦᠳᠡᠯᠭᠡᠭᠴᠢ ᠬᠦᠴᠦᠨ ᠪᠣᠯᠪᠠ᠃ ᠲᠠᠪᠣᠨ ᠵᠢᠯ ᠠᠷᠠᠳ ᠤᠨ ᠲᠦᠯᠦᠭᠡ ᠬᠦᠴᠦᠯᠡᠨ | ᠴᠢᠷᠮᠠᠶᠢᠵᠣ᠂ ᠪᠦᠬᠦ ᠬᠤᠰᠢᠭᠤᠨ ᠤ ᠡᠯ᠎ᠡ ᠦᠨᠳᠣᠰᠣᠲᠡᠨ ᠤ ᠠᠷᠠᠳ ᠲᠦᠮᠡᠨ ᠤ ᠬᠦᠷᠲᠡᠮᠵᠢ ᠶᠢ ᠲᠡᠭᠡᠭᠰᠢᠯᠡᠬᠦᠯᠣᠭ᠍ᠰᠡᠨ ᠮᠦᠷᠲᠡᠭᠡᠨ ᠠᠷᠠᠳ ᠢᠶᠠᠷ ᠭᠤᠣᠯ ᠪᠣᠯᠭᠠᠬᠤ | ᠵᠠᠰᠠᠭᠯᠠᠯ ᠢ ᠲᠣᠪᠣᠶᠢᠯᠭᠠᠭᠰᠠᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠵᠠᠰᠠᠯᠲᠠ ᠶᠢᠨ ᠴᠢᠳᠠᠪᠣᠷᠢ ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠣ᠂ ᠬᠡᠪ ᠰᠣᠷᠲᠠᠯ ᠢᠶᠠᠨ | ᠰᠠᠶᠢᠵᠢᠷᠠᠭᠤᠯᠣᠨ ᠦᠷ᠎ᠡ ᠪᠦᠲᠦᠮᠵᠢ ᠪᠠᠨ ᠲᠡᠭᠡᠭᠰᠢᠯᠡᠬᠦᠯᠵᠣ᠂ ᠵᠠᠰᠠᠭ ᠤᠨ ᠣᠷᠳᠣᠨ ᠤ ᠪᠠᠶᠢᠭᠤᠯᠣᠯᠲᠠ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠰᠢᠨ᠎ᠡ ᠱᠠᠲᠣᠨ ᠳᠤ | ᠭᠠᠷᠭᠠᠪᠠ᠃ ᠬᠤᠰᠢᠭᠤ ᠨᠡᠮ ᠤᠨ ᠬᠤᠷᠢᠶᠠᠨ ᠤ ᠣᠳᠣᠷᠢᠳᠣᠯᠭ᠎ᠠ ᠶᠢ ᠰᠢᠭᠤᠷᠬᠠᠢ ᠬᠦᠯᠢᠶᠡᠨ᠂ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠬᠠᠣᠯᠢ | ᠶᠣᠰᠣᠨ ᠤ ᠬᠢᠨᠠᠯᠲᠠ ᠪᠣᠯᠣᠨ ᠤᠯᠤᠰ ᠲᠦᠷᠤ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠣ᠂ ᠡᠯ᠎ᠡ ᠲᠠᠯ᠎ᠠ ᠶᠢᠨ ᠬᠢᠨ ᠤ | ᠰᠠᠨᠠᠯ ᠳᠣᠷᠠᠳᠣᠯᠭ᠎ᠠ ᠶᠢ ᠦᠷᠬᠡᠨ ᠲᠡᠯᠭᠡᠷᠡᠩᠬᠦᠢ ᠰᠣᠨᠣᠰᠴᠣ᠂ ᠲᠠᠪᠣᠨ ᠵᠢᠯ ᠳᠤ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠶᠢ 351᠂ ᠣᠯᠣᠰ ᠲᠦᠷᠦ | ᠶᠢᠨ ᠵᠦᠪᠯᠡᠯᠭᠡᠨ ᠤ ᠬᠡᠰᠢᠬᠦᠳ ᠤᠨ ᠲᠣᠷᠠᠳᠣᠯᠭ᠎ᠠ ᠶᠢ 796 ᠬᠦᠢᠴᠡᠳᠬᠡᠵᠣ᠂ ᠬᠦᠢᠴᠡᠳᠬᠡᠯᠲᠡ 100% ᠳᠤ ᠬᠦᠷᠪᠡ᠃ ᠵᠠᠰᠠᠭ ᠵᠠᠬᠢᠷᠭᠠᠨ ᠤ ᠵᠦᠪᠰᠢᠶᠡᠷᠡᠯ ᠤᠨ | ᠲᠦᠷᠢᠮ ᠤᠨ ᠦᠬᠡᠷᠡᠴᠢᠯᠡᠯᠲᠡ ᠶᠢ ᠬᠦᠨᠵᠡᠭᠡᠢ ᠠᠬᠢᠭᠤᠯᠵᠣ᠂ ᠪᠦᠬᠦ ᠬᠤᠲᠠ ᠳᠤ ᠪᠠᠨ ᠲᠡᠷᠢᠭᠦᠯᠡᠨ ︽ᠨᠢᠬᠡᠯᠡ ᠴᠣᠩᠬᠤᠪᠴᠢ ᠪᠠᠷ ᠬᠦᠢᠴᠡᠳᠬᠡᠬᠦ︾ ᠂ ︽ | ᠰᠦᠯᠵᠢᠶᠡᠨ ᠲᠡᠭᠡᠷ᠎ᠡ ᠬᠠᠮᠳᠣᠳᠬᠠᠨ ᠵᠦᠪᠰᠢᠶᠡᠷᠡᠬᠦ︾ ᠵᠠᠭᠪᠣᠷ ᠪᠣᠯᠣᠨ ᠬᠤᠰᠢᠭᠤ ᠪᠠᠯᠭᠠᠰᠣ ᠭᠠᠴᠠᠭ᠎ᠠ ᠲᠣᠰᠬᠤᠨ ᠤ ︽ᠭᠤᠷᠪᠠᠨ ᠱᠠᠳᠣᠨ ︾ ᠤ ᠣᠶᠣᠨᠴᠢ | ᠵᠠᠰᠠᠭ ᠤᠨ ᠶᠠᠪᠣᠳᠠᠯ ᠤᠨ ᠬᠤᠯᠪᠣᠭᠠᠳᠣ ᠦᠢᠯᠡᠴᠢᠯᠡᠭᠡ ᠶᠢ ᠬᠡᠷᠡᠭᠵᠢᠬᠦᠯᠵᠣ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠬᠤᠷᠳᠣᠴᠠ ᠶᠢ 60% ᠠᠴᠠ ᠲᠡᠭᠡᠭᠰᠢ ᠳᠤ | ᠬᠦᠷᠭᠡᠵᠤ᠂ ᠪᠦᠬᠦ ᠣᠯᠣᠰ ᠤᠨᠵᠠᠰᠠᠭ ᠤᠨ ᠶᠠᠪᠣᠳᠠᠯ ᠤᠨ ᠦᠢᠯᠡᠴᠢᠯᠡᠭᠡ ᠵᠠᠰᠠᠭ ᠵᠠᠬᠢᠷᠭᠠᠨ ᠤ ᠵᠦᠪᠰᠢᠶᠡᠷᠡᠯ ᠤᠨ ᠰᠢᠨᠡᠴᠢᠯᠡᠯ ᠤᠨ ᠱᠠᠩᠨᠠᠯ ᠬᠦᠷᠲᠡᠪᠡ᠃ ᠨᠡᠶᠢᠬᠡᠮ | ᠤᠨ ᠬᠠᠮᠢᠶᠠᠷᠣᠯᠲᠠ ᠶᠢᠨ ᠰᠢᠨᠡᠴᠢᠯᠡᠯ ᠢ ᠴᠢᠩᠭᠠᠳᠬᠠᠵᠤ᠂ ᠮᠤᠷᠠᠯ ᠢᠶᠠᠷ ᠵᠠᠰᠠᠬᠤ᠂ ᠦᠪᠡᠷᠳᠡᠬᠡᠨ ᠵᠠᠰᠠᠬᠤ᠂ ᠬᠠᠮᠳᠤ ᠪᠠᠷ ᠵᠠᠰᠠᠬᠤ᠂ ᠬᠠᠤᠯᠢ ᠪᠠᠷ ᠵᠠᠰᠠᠬᠤ ᠪᠠᠷ ᠭᠤᠣᠯ | ᠪᠣᠯᠭᠠᠭᠰᠠᠨ ᠣᠯᠠᠨ ᠡᠰᠢᠲᠣ ᠨᠠᠶᠢᠬᠡᠮ ᠤᠨ ᠵᠠᠰᠠᠯᠳᠠ ᠶᠢᠨ ᠵᠠᠭᠪᠤᠷ ᠢ ᠪᠦᠬᠦ ᠬᠤᠳᠠ ᠳᠤ ᠳᠡᠯᠬᠡᠷᠡᠬᠦᠯᠤᠨ ᠬᠡᠷᠡᠭᠯᠡᠵᠤ᠂ ᠠᠩᠬᠠᠳᠠᠭᠴᠢ ᠪᠦᠯᠦᠭ ᠪᠦᠬᠦ ᠣᠯᠣᠰ ᠤᠨ | ᠨᠡᠶᠢᠭᠡᠮ ᠤᠨ ᠵᠠᠰᠠᠯᠳᠠ ᠶᠢᠨ ᠰᠢᠨᠡᠴᠢᠯᠡᠯ ᠤᠨ ᠰᠢᠯᠢᠳᠡᠭ ᠭᠠᠵᠠᠷ ᠣᠷᠣᠨ ᠢᠶᠠᠷ ᠦᠨᠡᠯᠡᠭᠳᠡᠪᠡ︔ ᠰᠦᠯᠵᠢᠶᠡᠨ ᠲᠡᠬᠡᠷᠡᠬᠢ ᠵᠠᠬᠢᠳᠠᠯ ᠰᠣᠷᠪᠣᠯᠵᠢᠯᠠᠭ᠎ᠠ ᠶᠢᠨ | ᠦᠨᠳᠣᠰᠣᠨ ᠱᠠᠲᠣᠨ ᠳᠠᠬᠢ ᠬᠡᠷᠡᠭᠯᠡᠬᠡᠨ ᠤ ᠠᠵᠢᠯ ᠤᠨ ᠲᠣᠷᠰᠢᠯᠭ᠎ᠠ ᠪᠦᠬᠦ ᠣᠯᠣᠰ ᠲᠤ ᠲᠦᠬᠡᠮᠡᠯᠵᠢᠵᠣ᠂ ᠬᠤᠰᠢᠭᠤᠨ ᠤ ᠵᠠᠬᠢᠳᠠᠯ ᠰᠣᠷᠪᠣᠯᠵᠢᠯᠠᠭ᠎ᠠ ᠶᠢᠨ | ᠲᠣᠪᠴᠢᠶ᠎ᠠ ᠪᠦᠬᠦ ᠣᠯᠣᠰ ᠤᠨ ᠵᠠᠬᠢᠳᠠᠯ ᠰᠣᠷᠪᠣᠯᠵᠢᠯᠠᠭ᠎ᠠ ᠶᠢᠨ ᠰᠢᠰᠲ᠋ᠧᠮ ᠤᠨ ᠲᠡᠷᠢᠬᠦᠨ ᠤ ᠬᠠᠮᠳᠣ ᠪᠠᠷ ᠦᠨᠡᠯᠡᠭᠳᠡᠪᠡ᠃ ᠨᠠᠮ ᠤᠨ ᠣᠯᠠᠨ ᠲᠦᠮᠡᠨᠴᠢ ᠱᠣᠭᠤᠮ | ᠤᠨ ᠬᠦᠮᠦᠵᠢᠯ ᠣᠶᠢᠯᠠᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠳᠠᠢ︾ ᠲᠣᠰᠬᠠᠢ ᠬᠦᠮᠦᠵᠢᠯ ᠪᠣᠯᠣᠨ ︽ᠬᠤᠶᠠᠷ ᠢ ᠰᠣᠷᠣᠯᠴᠠᠵᠣ ᠬᠢᠷᠢ | ᠲᠠᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠬᠦᠨᠵᠡᠬᠡᠢ ᠦᠷᠨᠢᠭᠦᠯᠵᠣ᠂ ᠲᠦᠪ ᠤᠨ ︽ ᠨᠠᠢᠮᠠᠨ ᠲᠣᠭᠲᠠᠭᠠᠯ︾ ᠢ ᠴᠢᠩᠭ᠎ᠠ | ᠬᠡᠷᠡᠭᠵᠢᠭᠦᠯᠵᠣ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠯᠲᠡ ᠶᠢᠨ ᠡᠬᠦᠷᠭᠡ ᠶᠢ ᠬᠢᠨᠠᠮᠠᠭᠠᠢ ᠨᠠᠶᠢᠲᠠᠪᠣᠷᠢᠵᠢᠭᠤᠯᠣᠨ᠂ ᠠᠯᠪᠠᠨ ᠲᠡᠷᠭᠡᠨ ᠤ ᠦᠬᠡᠷᠡᠴᠢᠯᠡᠯᠲᠡ ᠶᠢ | ᠡᠷᠴᠢᠮᠲᠠᠢ ᠠᠬᠢᠭᠤᠯᠵᠣ᠂ ᠡᠩ ᠤᠨ ᠵᠠᠷᠣᠯᠭ᠎ᠠ ᠪᠣᠯᠣᠨ ︽ᠭᠤᠷᠪᠠᠨ ᠠᠯᠪᠠᠨ ᠵᠠᠷᠣᠳᠠᠯ︾ ᠢ ᠲᠣᠰᠪᠣᠷᠢ 5.1% ᠪᠠ 8.7%ᠪᠠᠭᠠᠰᠬᠠᠵᠤ᠂ 61 ᠳ᠋ᠦᠩᠰᠢᠭᠤᠷ | ᠲᠦᠬᠦᠷᠢᠭ ᠵᠠᠰᠠᠭ ᠤᠨ ᠤᠷᠳᠤᠨ ᠤ ᠦᠷᠢ ᠦᠭᠴᠡᠭᠡ ᠶᠢ ᠰᠢᠢᠳᠪᠣᠷᠢᠯᠡᠪᠡ︔ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠭᠴᠢ᠂ ᠴᠢᠬᠤᠯᠠ ᠰᠢᠢᠳᠪᠦᠷᠢ | ᠲᠣᠭᠳᠠᠭᠠᠯᠳᠠ ᠶᠢᠨ ᠬᠠᠣᠯᠢ ᠳᠤ ᠨᠡᠶᠢᠴᠡᠬᠦ ᠬᠢᠨᠠᠨ ᠵᠦᠪᠰᠢᠶᠡᠷᠡᠯ ᠵᠡᠷᠭᠡ ᠲᠦᠷᠢᠮ ᠲᠣᠭᠲᠠᠴᠠ ᠶᠢ ᠲᠣᠭᠲᠠᠭᠠᠨ ᠲᠡᠬᠦᠯᠳᠡᠷᠵᠢᠬᠦᠯᠵᠣ᠂ ᠡᠷᠬᠡ ᠶᠢᠨ ᠠᠵᠢᠯᠯᠠᠮᠵᠢ ᠶᠢᠨ | ᠬᠢᠨᠠᠯᠲᠠ ᠪᠣᠯᠣᠨ ᠰᠠᠯᠠᠭᠠᠨ ᠲᠠᠰ ᠤᠨ ᠣᠳᠣᠷᠢᠳᠬᠤ ᠺᠠᠳ᠋ᠷ ᠤᠨ ᠠᠵᠣ ᠠᠬᠤᠢ ᠶᠢᠨ ᠬᠠᠷᠢᠭᠤᠴᠠᠯᠭ᠎ᠠ᠂ ᠠᠮᠢ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ | ᠶᠢ ᠴᠢᠩᠭᠠᠳᠬᠠᠵᠣ᠂ ᠬᠠᠣᠯᠢ ᠰᠠᠬᠢᠯᠭ᠎ᠠ ᠵᠦᠷᠢᠴᠡᠭᠰᠡᠨ ᠦᠢᠯᠡ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠣᠷᠢᠯᠡᠵᠣ᠂ ᠠᠯᠪᠠᠲᠠᠳ ᠤᠨ ᠡᠩᠨᠡᠬᠡᠨ ᠤ ᠣᠯᠣᠰ | ᠲᠦᠷᠦ ᠶᠢᠨ ᠣᠬᠠᠮᠰᠠᠷ᠂ ᠪᠦᠬᠦ ᠲᠠᠯ᠎ᠠ ᠶᠢᠨ ᠣᠬᠠᠮᠰᠠᠷ᠂ ᠭᠤᠣᠯᠯᠠᠭᠴᠢ ᠶᠢᠨ ᠣᠬᠠᠮᠰᠠᠷ᠂ ᠨᠢᠬᠡᠳᠣᠯᠲᠠᠢ ᠪᠠᠶᠢᠬᠤ ᠣᠬᠠᠮᠰᠠᠷ ᠢ ᠪᠦᠬᠦ ᠲᠠᠯ᠎ᠠ ᠪᠠᠷ ᠲᠡᠭᠡᠭᠰᠢᠯᠡᠬᠦᠯᠪᠡ᠃ | ᠲᠠᠪᠣᠨ ᠵᠢᠯ ᠤᠨ ᠢᠳᠡᠷᠡᠬᠦᠨ ᠪᠣᠳᠠᠲᠠᠢ ᠠᠵᠢᠯᠯᠠᠭ᠎ᠠ ᠵᠠᠰᠠᠭ ᠤᠨ ᠣᠷᠳᠣᠨ ᠤ ᠢᠲᠡᠬᠡᠬᠦᠯᠬᠦ ᠬᠦᠴᠦᠨ ᠢ ᠨᠡᠮᠡᠭᠳᠡᠬᠦᠯᠣᠭ᠍ᠰᠡᠨ ᠮᠦᠷᠲᠡᠭᠡᠨ ᠨᠡᠩ ᠲᠦᠪ ᠴᠢᠬᠢᠮᠢ | ᠠᠷᠢᠭᠤᠨ ᠴᠢᠭᠡᠴᠢ ᠪᠦᠲᠦᠮᠵᠢ ᠲᠡᠬᠦᠯᠳᠡᠷ ᠬᠦᠭᠵᠢᠯᠲᠡ ᠶᠢᠨ ᠣᠷᠴᠢᠨ ᠢ ᠪᠦᠷᠢᠯᠳᠣᠬᠦᠯᠦᠭᠰᠡᠨ ᠪᠠᠶᠢᠨ᠎ᠠ᠃ | ᠡᠬᠦᠨ ᠠᠴᠠ ᠭᠠᠳᠠᠨ᠎ᠠ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠠᠷᠠᠳᠴᠢᠯᠠᠯ ᠬᠠᠣᠯᠢ ᠲᠦᠷᠢᠮ᠂ ᠦᠨᠳᠣᠰᠣᠲᠡᠨ ᠱᠠᠰᠢᠨ | ᠰᠣᠷᠲᠠᠬᠤᠨ᠂ ᠲᠤᠭ᠎ᠠ ᠪᠦᠷᠢᠳᠭᠡᠯ᠂ ᠲᠠᠩᠰᠠ ᠡᠪᠬᠡᠮᠡᠯ᠂ ᠠᠷᠠᠳ ᠤᠨ ᠠᠭᠠᠷ ᠰᠡᠷᠬᠡᠶᠢᠯᠡᠯᠲᠡ᠂ ᠴᠠᠭ ᠠᠭᠤᠷ᠂ ᠡᠮᠡᠭᠲᠡᠶᠢᠴᠣᠳ ᠬᠡᠣᠬᠡᠳ᠂ ᠨᠠᠰᠣᠲᠠᠶᠢᠴᠣᠳ ᠤᠨ | ᠦᠢᠯᠡᠰ ᠵᠡᠷᠬᠡ ᠠᠵᠢᠯ ᠴᠦᠮ ᠢᠯᠡᠷᠬᠡᠢ ᠲᠠᠪᠰᠢᠯᠲᠠ ᠲᠠᠢ ᠪᠣᠯᠪᠠ᠃ | ᠲᠦᠯᠦᠭᠡᠯᠡᠭᠴᠢᠳ ᠡ᠂ ᠲᠠᠪᠣᠨ ᠵᠢᠯ ᠤᠨ ᠲᠣᠷᠰᠢ᠂ ᠪᠢᠳᠠ ᠠᠵᠣ ᠦᠢᠯᠡᠰ ᠤᠨ ᠬᠡᠯᠪᠡᠷᠢ ᠶᠢᠨ ᠬᠤᠪᠢᠷᠠᠭᠤᠯᠣᠯᠲᠠ᠂ ᠪᠦᠲᠦᠴᠡ ᠶᠢᠨ ᠲᠣᠬᠢᠷᠠᠭᠤᠯᠣᠯᠲᠠ | ᠶᠢᠨ ᠬᠠᠳᠠᠭᠤᠵᠢᠯ ᠢ ᠲᠣᠭᠤᠯᠣᠭᠰᠠᠨ ᠢᠶᠠᠷ ᠦᠯᠦ ᠪᠠᠷᠠᠨ᠂ ᠬᠤᠲᠠ ᠬᠦᠳᠡᠭᠡ ᠶᠢᠨ ᠯᠣᠳᠣ ᠬᠤᠪᠢᠷᠠᠯᠲᠠ᠂ ᠠᠷᠠᠳ ᠤᠨ ᠠᠮᠢᠳᠣᠷᠠᠯ ᠤᠨ ᠴᠢᠨᠠᠷ ᠤᠨ ᠲᠡᠭᠡᠭᠰᠢᠯᠡᠯᠲᠡ | ᠶᠢᠨ ᠪᠠᠶᠠᠷᠯᠠᠭᠤᠰᠢᠲᠡᠢ ᠠᠮᠵᠢᠯᠲᠠ ᠶᠢ ᠣᠯᠣᠭᠰᠠᠨ ᠪᠠᠶᠢᠨ᠎ᠠ︔ ᠠᠵᠣ ᠠᠬᠤᠢ ᠶᠢᠨ ᠣᠷᠣᠭᠤᠳᠠᠯ᠂ ᠨᠡᠮᠡᠭᠳᠡᠯ ᠤᠨ ᠬᠤᠷᠳᠣᠴᠠ ᠶᠢᠨ ᠣᠳᠠᠭᠠᠰᠢᠷᠠᠯ ᠤᠨ ᠳᠠᠷᠣᠯᠲᠠ | ᠲᠣᠣᠷ᠎ᠠ ᠴᠣ᠋ ᠰᠢᠨᠵᠢᠯᠡᠬᠦ ᠣᠬᠠᠭᠠᠨᠴᠢ ᠪᠠᠷ ᠬᠦᠭᠵᠢᠬᠦᠯᠬᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠢᠲᠡᠭᠡᠯ ᠵᠣᠷᠢᠭ ᠢᠶᠠᠨ ᠬᠦᠪᠴᠢᠯᠡᠭᠰᠡᠨ ᠪᠠᠶᠢᠨ᠎ᠠ᠃ | ᠪᠢᠳᠠ ᠨᠠᠮ ᠤᠨ ᠲᠦᠪ ᠬᠤᠷᠢᠶ᠎ᠡ᠂ ᠲᠡᠭᠡᠳᠣ ᠱᠠᠲᠣᠨ ᠤ ᠨᠠᠮ ᠤᠨ ᠬᠤᠷᠢᠶ᠎ᠡ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠵᠢᠯᠣᠭᠤᠳᠣᠯᠭ᠎ᠠ | ᠲᠣᠣᠷᠠᠢᠳᠡᠭᠡᠯ ᠲᠡᠬᠦᠯᠳᠡᠷ ᠡᠷᠡᠮᠡᠭᠡᠶᠢᠯᠡᠨ ᠣᠷᠣᠭᠰᠢᠯᠠᠭᠰᠠᠨ ᠶᠣᠮ︔ ᠬᠤᠰᠢᠭᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠂ ᠤᠯᠤᠰ ᠲᠦᠷᠤ ᠶᠢᠨ | ᠵᠦᠪᠯᠡᠯᠬᠡᠨ ᠤ ᠬᠢᠨᠠᠯᠲᠠ ᠳᠡᠮᠵᠢᠯᠭᠡ᠂ ᠬᠠᠮᠲᠣ ᠶᠢᠨ ᠴᠢᠷᠮᠠᠶᠢᠯᠭ᠎ᠠ ᠲᠣᠣᠷ᠎ᠠ ᠵᠣᠷᠢᠭ ᠲᠡᠬᠦᠯᠳᠡᠷ ᠭᠠᠪᠰᠢᠭᠠᠶᠢᠯᠠᠨ ᠣᠷᠣᠭᠰᠢᠯᠠᠭᠰᠠᠨ ᠶᠣᠮ︔ ᠪᠦᠬᠦ ᠬᠤᠰᠢᠭᠤᠨ ᠤ | ᠺᠠᠳ᠋ᠷ ᠣᠯᠠᠨ ᠲᠦᠮᠡᠨ ᠯᠦᠭᠡ ᠰᠡᠳᠬᠢᠯ ᠨᠢᠭᠡᠳᠣᠨ ᠰᠢᠨ᠎ᠡ ᠶᠢ ᠡᠬᠦᠳᠣᠨ ᠦᠢᠯᠡᠰ ᠪᠣᠰᠬᠠᠵᠣ᠂ ᠬᠦᠴᠢᠷ ᠪᠡᠷᠭᠡᠡᠴᠠ ᠰᠦᠷᠳᠡᠯ ᠦᠬᠡᠢ ᠡᠷᠴᠢ ᠲᠡᠬᠦᠯᠳᠡᠷ | ᠰᠢᠭᠤᠷᠬᠠᠶᠢᠯᠠᠨᠣᠷᠣᠭᠰᠢᠯᠠᠭᠰᠠᠨ ᠶᠣᠮ ᠭᠡᠳᠡᠭ ᠢ ᠬᠦᠨᠵᠡᠬᠡᠢ ᠤᠶᠢᠯᠠᠭᠠᠵᠤ ᠪᠠᠶᠢᠨ᠎ᠠ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ | ᠠᠷᠢᠭᠤᠨ ᠬᠦᠳᠡᠯᠮᠣᠷᠢ ᠪᠠᠨ ᠵᠣᠷᠢᠭᠤᠯᠣᠭᠰᠠᠨ ᠪᠦᠬᠦ ᠬᠤᠰᠢᠭᠤᠨ ᠤ ᠠᠷᠠᠳ ᠲᠦᠮᠡᠨ᠂ ᠵᠠᠰᠠᠭ ᠤᠨ ᠣᠷᠳᠣᠨ ᠤ ᠠᠵᠢᠯ ᠢ ᠬᠦᠴᠦᠯᠡᠨ ᠲᠡᠮᠵᠢᠭᠰᠡᠨ ᠠᠷᠠᠳ ᠤᠨ | ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠢᠨ᠂ ᠦᠢᠯᠡᠳᠪᠣᠷᠢ ᠬᠤᠳᠠᠯᠳᠣᠭᠠᠨ ᠤ | ᠬᠤᠯᠪᠣᠭ᠎ᠠ᠂ ᠠᠷᠠᠳ ᠤᠨ ᠪᠦᠯᠬᠦᠮ᠂ ᠨᠠᠮ ᠤᠨ ᠪᠣᠰᠣ ᠬᠦᠮᠦᠰ ᠲᠤ᠂ ᠤᠲᠤᠭ ᠤᠨ ᠡᠮᠤᠨᠡᠲᠤ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠲᠡᠮᠵᠢᠭᠰᠡᠭᠡᠷ | ᠢᠷᠡᠭᠰᠡᠨ ᠨᠠᠶᠢᠵᠠ ᠨᠦᠬᠦᠳ ᠲᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ ᠪᠠᠶᠢᠨ᠎ᠠ︕ | ᠲᠠᠪᠣᠨ ᠵᠢᠯ ᠤᠨ ᠰᠦᠪᠡᠭᠴᠢᠯᠡᠯ ᠦᠢᠯᠡᠳᠣᠯᠬᠡ ᠶᠢᠨ ᠠᠮᠵᠢᠯᠲᠠ ᠬᠢᠯᠪᠠᠷ ᠪᠣᠰᠣ᠂ ᠲᠣᠷᠰᠢᠯᠭ᠎ᠠ ᠬᠤᠪᠣᠷ ᠨᠠᠨᠳᠢᠨ ᠶᠣᠮ᠃ ᠪᠢᠳᠠ ᠨᠠᠶᠢᠳᠠᠪᠣᠷᠢᠵᠢᠭᠤᠯᠣᠯᠲᠠ | ᠶᠢ ᠠᠳᠬᠤᠬᠤ ᠪᠣᠯ ᠵᠠᠰᠠᠭ ᠤᠨ ᠣᠷᠳᠣᠨ ᠤ ᠠᠵᠢᠯ ᠤᠨ ᠭᠤᠣᠯ ᠰᠡᠳᠣᠪ᠂ ᠮᠦᠨᠴᠦ ᠠᠮᠢᠨ ᠰᠣᠳᠠᠰᠣ ᠭᠡᠳᠡᠭ ᠢ ᠬᠦᠨᠵᠡᠬᠡᠢ ᠤᠶᠢᠯᠠᠭᠠᠭᠰᠠᠨ ᠪᠠᠶᠢᠨ᠎ᠠ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠵᠢᠷᠤᠭ ᠲᠦᠰᠦᠪ ᠢᠶᠠᠷ ᠬᠦᠭᠵᠢᠯᠲᠡ ᠶᠢ ᠵᠢᠯᠣᠭᠤᠳᠬᠤ ᠲᠠᠶᠢᠴᠢᠯᠠᠯ ᠢ ᠴᠢᠩᠭᠠᠳᠬᠠᠬᠤ ᠬᠡᠷᠡᠭᠲᠡᠢ᠃ | ᠢᠮᠠᠭᠲᠠ ᠬᠤᠰᠢᠭᠤ ᠨᠠᠮ ᠤᠨ ᠬᠤᠷᠢᠶᠠᠨ ᠤ ᠴᠢᠬᠤᠯᠠ ᠰᠢᠢᠳᠪᠦᠷᠢ ᠲᠣᠭᠳᠠᠭᠠᠯᠳᠠ ᠶᠢᠨ ᠲᠣᠭᠤᠷᠢᠨ ᠳᠤ ᠨᠠᠶᠢᠳᠠᠪᠣᠷᠢᠵᠢᠭᠤᠯᠣᠯᠲᠠ ᠶᠢ ᠠᠳᠬᠤᠬᠤ ᠭᠠᠷᠳᠠᠴᠠ | ᠪᠣᠯᠣᠨ ᠬᠦᠴᠦᠯᠡᠴᠡ ᠪᠠᠨ ᠤᠨᠤᠪᠴᠢᠲᠠᠢ ᠡᠵᠡᠮᠳᠡᠵᠣ᠂ ᠬᠠᠷᠠᠯᠲᠠ ᠪᠠᠨ ᠠᠵᠢᠯ ᠤᠨ ᠲᠣᠳᠣᠷᠬᠠᠢ ᠲᠠᠩᠰᠠ ᠪᠣᠯᠭᠠᠨ ᠨᠠᠷᠢᠯᠢᠭᠵᠢᠭᠤᠯᠵᠣ᠂ ᠠᠷᠠᠳ ᠤᠨ ᠬᠦᠰᠡᠯ ᠢ | ᠪᠣᠳᠠᠲᠣ ᠠᠵᠢᠯᠯᠠᠭ᠎ᠠ ᠪᠣᠯᠭᠠᠨ ᠬᠤᠪᠢᠷᠠᠭᠤᠯᠵᠣ᠂ ᠣᠳᠠᠭᠠᠨ ᠲᠠᠭᠠᠭᠠᠮᠠᠭᠠᠢ ᠰᠢᠨᠲᠠᠷᠠᠰᠢ ᠦᠬᠡᠢ ᠵᠣᠷᠢᠭ ᠰᠠᠨᠠᠭ᠎ᠠ ᠪᠠᠷ ᠵᠢᠷᠤᠭ ᠲᠦᠰᠦᠪ ᠶᠣᠰᠣᠭᠠᠷ ᠡᠯ᠎ᠡ ᠲᠦᠷᠦᠯ ᠤᠨ | ᠠᠷᠭ᠎ᠠ ᠠᠪᠴᠠᠯ ᠢ ᠪᠠᠳᠣᠲᠠᠢ ᠣᠷᠣᠨᠵᠢᠭᠤᠯᠬᠤ ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠨᠢᠬᠡᠳᠣᠯᠲᠠᠢ ᠲᠦᠯᠦᠪᠵᠢᠬᠦᠯᠬᠡ ᠪᠠᠷ ᠬᠦᠭᠵᠢᠯᠲᠡ ᠶᠢᠨ ᠣᠳᠣᠷᠢᠳᠣᠮᠵᠢ ᠶᠢ ᠴᠢᠩᠭᠠᠷᠠᠭᠤᠯᠬᠤ | ᠬᠡᠷᠡᠭᠲᠡᠢ᠃ ᠢᠮᠠᠭᠲᠠ ᠰᠢᠨ᠎ᠡ ᠠᠵᠣ ᠦᠢᠯᠡᠰ ᠢ ᠪᠣᠶᠢᠵᠢᠭᠤᠯᠬᠤ ᠪᠠ ᠣᠯᠠᠮᠵᠢᠯᠠᠯᠲᠣ ᠠᠵᠣ ᠦᠢᠯᠡᠰ ᠢ ᠲᠡᠰ ᠲᠠᠪᠰᠢᠭᠤᠯᠬᠤ ᠶᠢ ᠬᠠᠮᠲᠣ ᠳᠤᠨᠢ ᠠᠬᠢᠭᠤᠯᠬᠤ᠂ | ᠬᠤᠲᠠ ᠪᠠᠯᠭᠠᠰᠣᠨ ᠤ ᠬᠡᠪ ᠴᠢᠨᠰᠠᠭ᠎ᠠ ᠶᠢ ᠲᠡᠭᠡᠭᠰᠢᠯᠡᠬᠦᠯᠬᠦ ᠪᠠ ᠬᠦᠳᠡᠭᠡ ᠲᠣᠰᠬᠤᠨ ᠤ ᠣᠷᠴᠢᠨ ᠲᠣᠭᠤᠷᠢᠨ ᠢ ᠰᠢᠯᠢᠳᠡᠭᠵᠢᠬᠦᠯᠬᠦ ᠶᠢ ᠵᠣᠬᠢᠴᠠᠭᠤᠯᠬᠤ᠂ ᠠᠮᠢ ᠠᠬᠤᠢ | ᠶᠢᠨ ᠪᠣᠯᠪᠠᠰᠣᠨ ᠪᠠ ᠠᠵᠣ ᠠᠬᠤᠢ ᠨᠡᠶᠢᠬᠡᠮ ᠢ ᠬᠠᠮᠳᠣᠳᠬᠠᠨ ᠬᠦᠭᠵᠢᠬᠦᠯᠬᠦ ᠶᠢ ᠪᠠᠷᠢᠮᠲᠠᠯᠠᠵᠣ᠂ ᠠᠪᠴᠠᠯᠳᠣᠭᠤᠯᠣᠨ ᠠᠬᠢᠭᠤᠯᠵᠣ ᠠᠯᠬᠤᠮ ᠠᠯᠬᠤᠮ ᠢᠶᠠᠷ | ᠣᠷᠣᠭᠰᠢᠯᠠᠨ᠂ ᠡᠯ᠎ᠡ ᠲᠦᠷᠦᠯ ᠤᠨ ᠠᠵᠢᠯ ᠦᠢᠯᠡᠰ ᠢ ᠵᠡᠷᠬᠡᠪᠡᠷ ᠠᠬᠢᠭᠤᠯᠬᠤ ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠰᠢᠷᠢᠰ ᠠᠷᠭ᠎ᠠ ᠠᠪᠴᠠᠯ ᠢᠶᠠᠷ ᠬᠦᠭᠵᠢᠯᠲᠡ ᠶᠢᠨ ᠪᠠᠳᠣᠯᠠᠭᠠᠶᠢ ᠴᠢᠩᠭᠠᠳᠬᠠᠬᠤ ᠬᠡᠷᠡᠭᠲᠡᠢ᠃ | ᠢᠮᠠᠭᠲᠠ ᠪᠠᠶᠢᠭᠤᠯᠣᠮᠵᠢ ᠲᠣᠭᠲᠠᠴᠠ ᠪᠠᠷ ᠦᠨᠳᠣᠰᠣᠨ ᠭᠠᠷᠬᠤ ᠵᠠᠮ ᠪᠣᠯᠭᠠᠵᠣ᠂ ᠡᠬᠢ ᠰᠣᠷᠪᠣᠯᠵᠢ ᠶᠢᠨ ᠲᠣᠬᠢᠷᠠᠭᠤᠯᠣᠯᠲᠠ ᠶᠢ ᠰᠢᠯᠢᠳᠡᠭᠵᠢᠬᠦᠯᠬᠦ ᠪᠠᠷ | ᠪᠦᠲᠦᠮᠵᠢᠲᠠᠢ ᠠᠷᠭ᠎ᠠ ᠪᠠᠷᠢᠯ ᠪᠣᠯᠭᠠᠨ᠂ ᠵᠠᠰᠠᠭ ᠤᠨ ᠶᠠᠪᠣᠳᠠᠯ ᠤᠨ ᠪᠦᠲᠦᠮᠵᠢ ᠶᠢ ᠲᠡᠭᠡᠭᠰᠢᠯᠡᠬᠦᠯᠬᠦ ᠪᠠᠷ ᠴᠢᠬᠤᠯᠠ ᠰᠠᠭᠤᠷᠢ ᠪᠣᠯᠭᠠᠵᠣ᠂ ᠭᠡᠪᠰᠢᠮᠡᠯ ᠰᠡᠳᠬᠢᠴᠡ ᠶᠢ | ᠵᠣᠷᠢᠭᠲᠠᠢ ᠲᠠᠶᠠᠭᠳᠠᠨ᠂ ᠬᠦᠭᠵᠢᠯᠲᠡ ᠶᠢᠨ ᠬᠦᠴᠦᠨ ᠵᠦᠢᠯ ᠢ ᠴᠢᠳᠠᠮᠠᠭᠠᠢ ᠪᠠᠷ ᠨᠡᠶᠢᠳᠭᠡᠵᠣ᠂ ᠨᠠᠷᠢᠯᠢᠭ ᠣᠨᠣᠪᠴᠢᠲᠠᠢ᠂ ᠴᠢᠳᠠᠮᠠᠭᠠᠢ ᠬᠢᠨ ᠭᠠᠷᠮᠠᠭᠠᠢ ᠪᠦᠲᠦᠭᠡᠬᠦ | ᠬᠡᠪ ᠰᠣᠷᠲᠠᠯ ᠢᠶᠠᠷ ᠬᠦᠭᠵᠢᠯᠲᠡ ᠶᠢ ᠪᠠᠳᠣᠯᠠᠬᠤ ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠰᠡᠳᠬᠢᠯ ᠨᠢᠭᠡᠳᠣᠨ ᠬᠦᠭᠵᠢᠯᠲᠡ ᠶᠢ ᠠᠬᠢᠭᠤᠯᠬᠤ ᠬᠠᠮ ᠬᠦᠴᠦᠨ ᠢ ᠴᠢᠩᠭᠠᠷᠠᠭᠤᠯᠬᠤ ᠬᠡᠷᠡᠭᠲᠡᠢ | ᠃ ᠢᠮᠠᠭᠲᠠ ᠪᠦᠯᠬᠦᠮᠳᠡᠯ ᠨᠢᠭᠲᠠᠷᠠᠯ ᠢ ᠲᠡᠭᠡᠳᠣᠯᠡᠨ᠂ ᠠᠯᠢᠪᠠ ᠢᠳᠡᠪᠬᠢ ᠬᠦᠴᠦᠨ ᠵᠦᠢᠯ ᠢ ᠲᠠᠶᠢᠴᠢᠯᠠᠵᠣ᠂ ᠲᠣᠣᠭᠠᠷᠪᠠᠯ ᠲᠠᠭᠤ ᠨᠢᠭᠡᠲᠡᠢ᠂ ᠲᠣᠭᠳᠣᠷᠪᠠᠯ ᠬᠦᠴᠦ | ᠨᠢᠬᠡᠲᠡᠢ ᠪᠠᠷ ᠡᠷᠴᠢ ᠬᠦᠴᠦᠨ ᠢᠶᠠᠨ ᠬᠠᠮᠳᠣᠳᠬᠠᠨ᠂ ᠣᠷᠣᠭᠰᠢᠯᠠᠬᠤ ᠵᠠᠮ ᠳᠠᠬᠢ ᠡᠯ᠎ᠡ ᠵᠦᠢᠯ ᠤᠨ ᠬᠦᠴᠢᠷ ᠪᠡᠷᠭᠡᠰᠢᠶᠡᠯ ᠢ ᠢᠯᠠᠨ ᠲᠠᠪᠠᠭ᠋ᠣ ᠬᠡᠷᠡᠭᠲᠡᠢ᠃ | ᠨᠠᠶᠢᠳᠠᠪᠣᠷᠢᠵᠢᠭᠤᠯᠣᠯᠲᠠ ᠶᠢ ᠠᠳᠬᠤᠬᠤ ᠳᠤ᠂ ᠡᠷᠬᠡᠪᠰᠢ ᠬᠦᠴᠦ ᠬᠠᠮᠳᠣᠳᠬᠠᠨ ᠠᠵᠢᠯ ᠵᠶ᠋ᠠᠨᠠᠬᠢᠭᠤᠯᠬᠤ ᠡᠬᠦᠷᠭᠡᠯᠡᠯ ᠬᠠᠷᠢᠭᠤᠴᠠᠯᠭ᠎ᠠ ᠪᠠᠨ | ᠴᠢᠩᠭᠠᠳᠬᠠᠬᠤ ᠬᠡᠷᠡᠭᠲᠡᠢ᠃ ᠢᠮᠠᠭᠲᠠ ᠦᠨᠡᠨ ᠬᠦ ᠬᠢᠵᠣ ᠪᠣᠳᠠᠲᠠᠢ ᠠᠵᠢᠯᠯᠠᠬᠤ ᠶᠢ ᠪᠠᠷᠢᠮᠲᠠᠯᠠᠨ᠂ ᠬᠦᠴᠦᠨ ᠴᠢᠳᠠᠯ ᠢᠶᠠᠨ ᠲᠦᠪᠯᠡᠷᠡᠬᠦᠯᠣᠨ ᠰᠢᠢᠳᠴᠦ ᠲᠣᠭᠲᠠᠭᠰᠠᠨ | ᠣᠴᠢᠷ ᠶᠠᠪᠣᠳᠠᠯ ᠢ ᠪᠣᠳᠠᠶᠢᠵᠢᠭᠤᠯᠵᠣ᠂ ᠠᠵᠠ ᠲᠣᠬᠢᠶᠠᠯ ᠢ ᠪᠠᠳᠣ ᠡᠵᠡᠮᠳᠡᠨ᠂ ᠣᠯᠠᠨ ᠲᠦᠮᠡᠨ ᠤ ᠠᠰᠢᠭ ᠵᠢᠷᠭᠠᠯ ᠢ ᠨᠡᠮᠡᠭᠳᠡᠬᠦᠯᠵᠣ᠂ ᠪᠣᠳᠠᠲᠣ ᠠᠮᠵᠢᠯᠲᠠ ᠪᠠᠷ | ᠢᠶᠠᠨ ᠠᠷᠠᠳ ᠤᠨ ᠢᠳᠡᠭᠡᠯ ᠢ ᠣᠯᠬᠤ ᠬᠡᠷᠡᠭᠲᠡᠢ᠃ | ᠪᠢᠲᠡ ᠠᠮᠵᠢᠯᠲᠠ ᠪᠠᠨ ᠨᠣᠲᠠᠯᠠᠬᠤ ᠶᠢᠨ ᠬᠠᠮᠲᠣ ᠬᠦᠭᠵᠢᠯᠳᠠ ᠶᠢᠨ ᠲᠣᠮᠳᠠ ᠣᠷᠲᠣ ᠬᠤᠭᠤᠴᠠᠭᠠᠨᠠᠬᠤᠷᠠᠮᠳᠣᠭᠰᠠᠨ ᠵᠠᠷᠢᠮ ᠬᠦᠨ ᠲᠠᠪᠬᠤᠷᠭ᠎ᠠ ᠶᠢᠨ | ᠵᠦᠷᠢᠴᠡᠯ ᠪᠣᠯᠣᠨ ᠠᠰᠠᠭᠤᠳᠠᠯ ᠬᠠᠷᠠᠬᠠᠨ ᠦᠨᠳᠣᠰᠣᠨ ᠠᠴᠠ ᠪᠠᠨ ᠰᠢᠢᠳᠪᠣᠷᠢᠯᠡᠭᠳᠡᠭᠡᠳᠣᠢ ᠪᠠᠶᠢᠭ᠎ᠠ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠣᠯᠳᠠᠭᠤ᠄ ᠠᠵᠣ | ᠠᠬᠤᠢ ᠶᠢᠨ ᠶᠡᠷᠣᠩᠬᠡᠢ ᠬᠡᠮᠵᠢᠶ᠎ᠡ ᠪᠠᠭ᠎ᠠ᠂ ᠬᠦᠭᠵᠢᠯᠲᠡ ᠬᠦᠢᠴᠡᠳ ᠪᠣᠰᠣ᠂ ᠴᠢᠨᠠᠷ ᠦᠷ᠎ᠡ ᠠᠰᠢᠭ ᠲᠣᠣᠷ᠎ᠠ ᠪᠠᠶᠢᠬᠤ ᠨᠢ ᠮᠦᠨ ᠯᠠ ᠮᠠᠨ ᠤ ᠬᠤᠰᠢᠭᠤᠨ ᠤ ᠪᠣᠳᠠᠲᠣ | ᠪᠠᠶᠢᠳᠠᠯ ᠪᠠᠶᠢᠭᠰᠠᠭᠠᠷ︔ ᠬᠤᠲᠠ ᠬᠦᠳᠡᠭᠡ ᠶᠢᠨ ᠨᠡᠶᠢᠲᠡ ᠶᠢᠨ ᠡᠬᠢ ᠰᠣᠷᠪᠣᠯᠵᠢ ᠶᠢᠨ ᠡᠵᠡᠯᠡᠬᠦ ᠬᠠᠷᠢᠴᠠᠯ ᠲᠡᠩᠴᠡᠬᠦᠷᠢ ᠦᠬᠡᠢ᠂ ᠨᠡᠶᠢᠲᠡ ᠶᠢᠨ ᠦᠢᠯᠡᠴᠢᠯᠡᠭᠡᠨ ᠤ | ᠨᠠᠷᠢᠯᠢᠭ ᠣᠨᠣᠪᠴᠢ ᠶᠢᠨ ᠲᠦᠪᠰᠢᠨ ᠬᠢᠬᠡᠳ ᠠᠷᠠᠳ ᠤᠨ ᠠᠮᠢᠳᠣᠷᠠᠯ ᠤᠨ ᠣᠯᠠᠨ ᠲᠠᠯᠠᠴᠢᠯᠠᠭᠰᠠᠨ ᠬᠡᠷᠡᠭᠴᠡᠭᠡ ᠬᠠᠷᠠᠬᠠᠨ ᠵᠦᠷᠢᠶ᠎ᠡ ᠲᠠᠢ ᠪᠠᠶᠢᠭᠰᠠᠭᠠᠷ︔ ᠵᠠᠷᠢᠮ | ᠭᠤᠣᠯᠳᠠᠯᠭᠠᠲᠣ ᠬᠦᠷᠢᠶ᠎ᠡ ᠴᠠᠷᠠᠭᠠᠨ ᠤ ᠦᠬᠡᠷᠡᠴᠢᠯᠡᠯᠲᠡ ᠪᠠᠰᠠ ᠯᠠ ᠲᠣᠭᠲᠠᠴᠠ ᠶᠢᠨ ᠲᠠᠪᠬᠤᠷᠭᠠᠨ ᠲᠡᠬᠡᠷ᠎ᠡ ᠵᠣᠭᠰᠣᠩᠭᠤᠶᠢᠷᠠᠵᠣ᠂ ᠨᠡᠩ ᠠᠷᠪᠢᠨ ᠦᠢᠯᠡᠳᠣᠯᠭᠡ ᠶᠢᠨ | ᠦᠷ᠎ᠡ ᠪᠦᠲᠦᠭᠡᠯ ᠬᠠᠷᠠᠬᠠᠨ ᠪᠦᠷᠢᠯᠳᠣᠬᠡᠳᠣᠢ ᠪᠠᠶᠢᠭᠰᠠᠭᠠᠷ︔ ᠠᠮᠢ ᠠᠬᠤᠢ ᠶᠢᠨ ᠪᠠᠶᠢᠭᠤᠯᠣᠯᠲᠠ ᠬᠢᠬᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠬᠦᠷᠭᠡ | ᠬᠦᠨᠳᠣ ᠠᠶᠠᠨ ᠬᠤᠯᠠ᠂ ᠠᠮᠢ ᠠᠬᠤᠢ ᠶᠢᠨ ᠪᠣᠯᠪᠠᠰᠣᠨ ᠤ ᠦᠷ᠎ᠡ ᠪᠦᠲᠦᠭᠡᠯ ᠬᠠᠷᠬᠠᠨ ᠬᠦᠭᠵᠢᠯᠲᠡ ᠶᠢᠨ ᠦᠷ᠎ᠡ ᠠᠰᠢᠭ ᠪᠣᠯᠵᠣ ᠪᠦᠷᠢᠯᠳᠣᠭᠡᠳᠣᠢ ᠪᠠᠶᠢᠭᠰᠠᠭᠠᠷ︔ | ᠵᠠᠷᠢᠮ ᠠᠯᠪᠠᠳᠠᠨ ᠤ ᠰᠡᠳᠬᠢᠬᠦᠢ ᠶᠢᠨ ᠬᠡᠯᠪᠡᠷᠢ᠂ ᠣᠶᠣᠨ ᠰᠠᠨᠠᠭᠠᠨ ᠤ ᠪᠠᠶᠢᠳᠠᠯ᠂ ᠠᠵᠢᠯ ᠤᠨ ᠬᠡᠪ ᠰᠣᠷᠲᠠᠯ ᠬᠠᠷᠠᠬᠠᠨ ᠬᠦᠭᠵᠢᠯᠲᠡ ᠶᠢᠨ ᠠᠶᠢᠵᠢᠮ ᠢ ᠪᠦᠷᠢᠮᠣᠰᠣᠨ | ᠲᠠᠭᠠᠵᠣ ᠲᠡᠶᠢᠯᠬᠦ ᠦᠬᠡᠢ ᠪᠠᠶᠢᠭᠰᠠᠭᠠᠷ᠃ ᠡᠳᠡᠭᠡᠷ ᠠᠰᠠᠭᠤᠳᠠᠯ ᠢ ᠪᠢᠲᠠ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠦᠪᠡᠭᠴᠢᠯᠡᠬᠦ ᠪᠠ ᠠᠬᠢᠭᠤᠯᠬᠤ | ᠣᠳᠣᠷᠢᠳᠣᠮᠵᠢ ᠪᠣᠯᠭᠠᠨ᠂ ᠬᠠᠨᠳᠣᠯᠭᠠᠲᠣ ᠠᠷᠭ᠎ᠠ ᠪᠠᠷᠢᠯ ᠠᠪᠴᠦ ᠦᠨᠡᠨ ᠬᠦ ᠰᠢᠢᠳᠪᠣᠷᠢᠯᠡᠵᠣ᠂ ᠳᠠᠷᠬᠠᠨ ᠬᠠᠷᠢᠭᠤᠴᠠᠯᠭ᠎ᠠ ᠪᠠᠨ ᠭᠤᠲᠣᠭᠠᠬᠤ ᠦᠬᠡᠢ᠂ ᠬᠦᠨᠳᠣ | ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠃ | ᠬᠤᠶᠠᠷ᠂ ᠬᠤᠶᠢᠰᠢᠳᠠ ᠶᠢᠨ ᠲᠠᠪᠣᠨ ᠵᠢᠯ ᠤᠨ ᠠᠵᠢᠯ ᠤᠨ ᠰᠠᠨᠠᠭᠤᠯᠭ᠎ᠠ | ᠲᠦᠯᠦᠭᠡᠯᠡᠭᠴᠢᠳ ᠡ᠂ ᠰᠢᠨ᠎ᠡ ᠴᠠᠭ ᠦᠶ᠎ᠡ ᠰᠢᠨ᠎ᠡ ᠠᠶᠠᠨ ᠢ ᠡᠬᠢᠯᠡᠬᠦᠯᠵᠣ᠂ ᠰᠢᠨ᠎ᠡ ᠴᠠᠭ ᠦᠶ᠎ᠡ ᠰᠢᠨ᠎ᠡ ᠠᠬᠤᠢ ᠪᠠᠶᠢᠳᠠᠯ ᠢ ᠨᠡᠭᠡᠭᠡᠨ᠂ ᠭᠥᠰᠡᠯ | ᠲᠡᠮᠡᠥᠯᠡᠯ ᠭᠥᠴᠥ ᠵᠤᠷᠢᠭ ᠢ ᠬᠥᠪᠴᠢᠯᠡᠨ ᠪᠣᠢ᠃ ᠢᠷᠡᠬᠦ ᠲᠠᠪᠣᠨ ᠵᠢᠯ ᠪᠣᠯ ᠣᠲᠤᠭ ᠤᠨ ᠡᠮᠣᠨᠡᠳᠣ ᠬᠤᠰᠢᠭᠤᠨ ᠤ ᠴᠢᠨᠡᠭᠡᠯᠢᠭ ᠨᠡᠶᠢᠭᠡᠮ ᠢ ᠪᠦᠬᠦ ᠲᠡᠯ᠎ᠠ ᠪᠠᠷ | ᠪᠠᠶᠢᠭᠤᠯᠬᠤ ᠰᠢᠢᠳᠪᠣᠷᠢᠲᠣ ᠬᠤᠭᠤᠴᠠᠭ᠎ᠠ ᠮᠦᠨ᠂ ᠨᠡᠩ ᠴᠣ᠋ ᠪᠢᠳᠠᠨ ᠤ ᠥᠭᠬᠢᠶᠡᠮᠥᠷ ᠨᠠᠶᠢᠷᠠᠮᠳᠠᠭᠤ ᠲᠠᠯ᠎ᠠ ᠨᠤᠳᠤᠭ ᠂ ᠥᠵᠡᠰᠭᠦᠯᠡᠩᠳᠤ ᠰᠠᠶᠢᠬᠠᠨ ᠡᠮᠥᠨᠡᠳᠥ | ᠤᠳᠤᠭ ᠤᠨ ᠴᠣᠭᠴᠠᠯᠠᠯᠲᠠ ᠶᠢᠨ ᠪᠣᠭᠤᠮᠲᠠ ᠰᠢᠪᠳᠣᠯᠬᠤ ᠬᠤᠭᠤᠴᠠᠭ᠎ᠠ ᠪᠣᠯᠣᠨ᠎ᠠ᠃ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ ᠨᠡᠶᠢᠴᠡᠬᠦᠯᠣᠭ᠍ᠰᠡᠨ ᠰᠢᠨ᠎ᠡ | ᠡᠭᠡᠯᠵᠢ ᠶᠢᠨ ᠵᠠᠰᠠᠭ ᠤᠨ ᠣᠷᠳᠣᠨ ᠤ ᠠᠵᠢᠯ ᠤᠨ ᠦᠨᠳᠣᠰᠣᠨ ᠰᠡᠳᠬᠢᠴᠡ ᠪᠣᠯᠣᠨ ᠬᠠᠷᠠᠯᠲᠠ ᠪᠣᠯ᠄ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠣ ᠣᠯᠣᠰ ᠤᠨ ᠤᠨᠴᠠᠯᠢᠭ ᠲᠠᠢ ᠨᠡᠶᠢᠭᠡᠮ ᠵᠢᠷᠣᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠬᠠᠩᠭᠠᠯᠠᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠬᠡᠶᠢᠷᠡᠬᠦᠯᠬᠦ ᠪᠠᠷ ᠭᠤᠣᠯ | ᠰᠢᠵᠢᠮ ᠪᠣᠯᠭᠠᠵᠣ᠂ ᠬᠡᠯᠪᠡᠷᠢ ᠶᠢ ᠬᠤᠪᠢᠷᠠᠭᠤᠯᠣᠨ ᠲᠡᠰ ᠲᠠᠪᠰᠢᠭᠤᠯᠬᠤ ᠶᠢ ᠲᠣᠪᠣᠶᠢᠯᠭᠠᠨ᠂ ᠬᠦᠭᠵᠢᠯᠲᠡ ᠶᠢᠨ ᠴᠢᠨᠠᠷ ᠦᠷ᠎ᠡ ᠠᠰᠢᠭ ᠢ ᠬᠦᠴᠦᠯᠡᠨ | ᠲᠡᠭᠡᠭᠰᠢᠯᠡᠬᠦᠯᠣᠨᠡ︔ ᠰᠢᠨᠡᠴᠢᠯᠡᠯᠲᠡ ᠶᠢᠨ ᠬᠦᠳᠡᠯᠭᠡᠭᠴᠢ ᠬᠦᠴᠦᠨ ᠢ ᠲᠣᠪᠣᠶᠢᠯᠭᠠᠨ᠂ ᠪᠦᠬᠦ ᠨᠡᠶᠢᠭᠡᠮ ᠤᠨ ᠠᠮᠢᠵᠢᠷᠠᠯ ᠤᠨ ᠬᠦᠴᠦᠨ ᠢ ᠬᠦᠴᠦᠯᠡᠨ | ᠣᠷᠮᠠᠰᠢᠭᠤᠯᠣᠨ᠎ᠠ︔ ᠲᠦᠷᠦᠯ ᠵᠦᠢᠯ ᠢᠶᠠᠷ ᠲᠠᠶᠢᠴᠢᠯᠠᠬᠤ ᠶᠢ ᠲᠣᠪᠣᠶᠢᠯᠭᠠᠨ᠂ ᠪᠣᠳᠠᠲᠣ ᠴᠣᠭᠴᠠ ᠶᠢᠨ ᠠᠵᠤ ᠠᠬᠤᠢ ᠶᠢ ᠬᠦᠴᠦᠯᠡᠨ ᠪᠣᠶᠢᠵᠢᠭᠤᠯᠵᠣ | ᠪᠣᠵᠠᠭᠠᠶᠢᠷᠠᠭᠤᠯᠣᠨ᠎ᠠ︔ ᠠᠮᠢ ᠠᠬᠤᠢ ᠶᠢ ᠲᠡᠷᠢᠬᠦᠨ ᠪᠠᠶᠢᠷᠠᠨ ᠳᠤ ᠲᠣᠪᠣᠶᠢᠯᠭᠠᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠲᠦᠪᠰᠢᠨ ᠢ ᠬᠦᠴᠦᠯᠡᠨ | ᠲᠡᠭᠡᠭᠰᠢᠯᠡᠬᠦᠯᠣᠨᠡ︔ ᠠᠷᠠᠳ ᠤᠨ ᠠᠮᠢᠳᠣᠷᠠᠯ ᠢᠶᠠᠷ ᠦᠨᠳᠣᠰᠣ ᠪᠣᠯᠭᠠᠬᠤ ᠶᠢ ᠲᠣᠪᠣᠶᠢᠯᠭᠠᠨ᠂ ᠣᠯᠠᠨ ᠲᠦᠮᠡᠨ ᠤ ᠬᠦᠷᠲᠡᠮᠵᠢ᠂ ᠵᠣᠯ ᠵᠢᠷᠭᠠᠯ᠂ ᠠᠮᠣᠷ ᠲᠦᠪᠰᠢᠨ | ᠤ ᠬᠠᠨᠣᠮᠵᠢ ᠶᠢ ᠬᠦᠴᠦᠯᠡᠨ ᠲᠡᠭᠡᠭᠰᠢᠯᠡᠬᠦᠯᠵᠣ᠂ ᠨᠡᠩ ᠠᠭᠤᠯᠬᠤᠨ ᠲᠠᠢ᠂ ᠨᠡᠩ ᠴᠢᠨᠠᠷᠵᠢᠯ ᠲᠠᠢ᠂ ᠨᠡᠩ ᠠᠮᠢᠵᠢᠷᠠᠯ ᠲᠠᠢ᠂ ᠨᠡᠩ ᠣᠳᠬ᠎ᠠ ᠠᠭᠤᠯᠭ᠎ᠠ ᠲᠠᠢ᠂ ᠨᠡᠩ | ᠦᠨᠡᠨ ᠪᠣᠳᠠᠲᠠᠢ ᠬᠦᠭᠵᠢᠯᠲᠡ ᠶᠢ ᠪᠡᠶᠡᠯᠡᠬᠦᠯᠣᠨ᠂ ᠡᠩ ᠲᠡᠷᠢᠬᠦᠨ ᠳᠤ ᠴᠢᠨᠡᠭᠡᠯᠢᠭ ᠨᠡᠶᠢᠭᠡᠮ ᠢ ᠪᠦᠬᠦ ᠲᠡᠯ᠎ᠠ ᠪᠠᠷ ᠪᠠᠶᠢᠭᠤᠯᠵᠣ᠂ ᠭᠤᠣᠯ ᠵᠢᠭᠠᠯᠲᠠ ᠶᠢᠨ ᠬᠦᠮᠦᠨ | ᠲᠣᠮᠳᠠᠴᠢ ᠦᠷᠲᠡᠭ ᠪᠣᠯᠣᠨ ᠭᠤᠣᠯᠳᠠᠯᠭᠠᠲᠣ ᠠᠵᠢᠯ ᠢ ᠪᠦᠬᠦ ᠣᠯᠣᠰ ᠤᠨ ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | —— ᠠᠵᠤ ᠠᠬᠤᠢ ᠶᠢᠨ ᠬᠦᠭᠵᠢᠯᠲᠡ ᠶᠢ ︽ᠬᠡᠪᠴᠢᠶᠡᠵᠢᠯ ᠬᠤᠷᠳᠣᠴᠠ ᠶᠢ ᠴᠢᠬᠤᠯᠠᠴᠢᠯᠠᠬᠤ︾ ᠠᠴᠠ ︽ᠴᠢᠨᠠᠷ ᠦᠷ᠎ᠡ ᠠᠰᠢᠭ ᠢ ᠴᠢᠬᠤᠯᠠᠴᠢᠯᠠᠬᠤ︾ ᠬᠡᠯᠪᠡᠷᠢ | ᠲᠡᠰᠢ ᠬᠤᠪᠢᠷᠠᠭᠤᠯᠵᠣ᠂ ᠨᠡᠩ ᠠᠭᠤᠯᠬᠤᠨ ᠲᠠᠢ ᠬᠦᠭᠵᠢᠯᠲᠡ ᠶᠢ ᠪᠡᠶᠡᠯᠡᠬᠦᠯᠣᠨ᠎ᠡ᠃ ᠬᠠᠳᠠᠭᠠᠯᠠᠯᠲᠠ ᠡᠬᠢ ᠰᠣᠷᠪᠣᠯᠵᠢ ᠶᠢᠨ ᠲᠤᠬᠢᠷᠠᠭᠤᠯᠣᠯᠲᠠ ᠶᠢ ᠤᠯᠠᠮ | ᠰᠢᠯᠢᠳᠡᠭᠵᠢᠬᠦᠯᠣᠨ᠂ ᠴᠢᠨᠠᠷᠯᠢᠭ ᠨᠡᠮᠡᠭᠳᠡᠯ ᠲᠠᠢ ᠬᠠᠩᠭᠠᠯᠠᠭ᠎ᠠ ᠶᠢ ᠲᠠᠰᠣᠷᠠᠯᠲᠠ ᠦᠬᠡᠢ ᠦᠷᠭᠡᠳᠭᠡᠵᠣ᠂ ᠪᠦᠬᠦ ᠬᠦᠴᠦᠨ ᠵᠦᠢᠯ ᠤᠨ ᠦᠢᠯᠡᠳᠪᠣᠷᠢᠯᠡᠯ ᠨᠣᠷᠮ᠎ᠠ ᠶᠢ | ᠪᠦᠬᠦ ᠲᠠᠯ᠎ᠠ ᠪᠠᠷ ᠲᠡᠭᠡᠭᠰᠢᠯᠡᠬᠦᠯᠣᠨ᠂ ᠬᠦᠭᠵᠢᠯᠲᠡ ᠶᠢ ᠨᠡᠩ ᠬᠦᠢᠴᠡᠳ ᠪᠣᠯᠭᠠᠵᠣ᠂ ᠪᠦᠬᠦ ᠬᠤᠰᠢᠭᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ | ᠥᠷᠳᠡᠭ᠂ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 2017 ᠣᠨ ᠤ ᠬᠤᠶᠠᠷ ᠲᠠᠬᠢᠨ ᠳᠤ ᠬᠦᠷᠭᠡᠨ᠂ ᠲᠤᠭᠳᠠᠮᠠᠯ ᠭᠥᠷᠥᠩᠭᠡ ᠶᠢᠨ ᠪᠡᠯᠡ | ᠤᠷᠤᠭᠤᠯᠤᠯᠳᠠ ᠶᠢ 1000 ᠳ᠋ᠦᠩᠰᠢᠭᠤᠷ ᠲᠦᠬᠦᠷᠢᠭ ᠨᠡᠮᠡᠭᠳᠡᠬᠦᠯᠵᠣ᠂ ᠠᠵᠣ ᠠᠬᠤᠢ ᠶᠢᠨ ᠭᠤᠣᠯ ᠵᠢᠭᠠᠯᠲᠠ ᠶᠢᠨ ᠲᠣᠮᠳᠠᠴᠢ ᠦᠷᠲᠡᠭ ᠢ ᠪᠦᠬᠦ ᠣᠯᠣᠰ ᠤᠨ | ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | —— ᠬᠤᠲᠠ ᠬᠦᠳᠡᠭᠡ ᠶᠢᠨ ᠪᠠᠶᠢᠭᠤᠯᠣᠯᠲᠠ ᠶᠢ ︽ᠰᠠᠭᠤᠷᠢ ᠲᠦᠬᠦᠭᠡᠷᠣᠮᠵᠢ ᠶᠢᠨ ᠲᠦᠭᠡᠮᠡᠯᠵᠢᠯᠲᠡ︾ ᠠᠴᠠ ︽ᠦᠢᠯᠡᠴᠢᠯᠡᠭᠡ ᠶᠢ ᠨᠢᠬᠡ ᠴᠣᠭᠴᠠᠵᠢᠭᠤᠯᠬᠤ︾ | ᠬᠡᠯᠪᠡᠷᠢ ᠲᠡᠰᠢ ᠬᠤᠪᠢᠷᠠᠭᠤᠯᠵᠣ᠂ ᠨᠡᠩ ᠴᠢᠨᠠᠷᠵᠢᠯ ᠲᠠᠢ ᠬᠦᠭᠵᠢᠯᠲᠡ ᠶᠢ ᠪᠡᠶᠡᠯᠡᠬᠦᠯᠣᠨ᠎ᠡ᠃ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠦᠭᠵᠢᠬᠦᠯᠣᠨ | ᠬᠦᠴᠦᠷᠭᠡᠭᠵᠢᠬᠦᠯᠵᠣ᠂ ᠬᠤᠲᠠ ᠬᠦᠳᠡᠭᠡ ᠶᠢᠨ ᠬᠦᠭᠵᠢᠬᠦᠯᠣᠯᠲᠡ ᠶᠢᠨ ᠪᠠᠶᠢᠭᠤᠯᠣᠮᠵᠢ ᠲᠣᠭᠲᠠᠴᠠ ᠶᠢ ᠬᠠᠮᠳᠣᠳᠬᠠᠨ ᠠᠬᠢᠭᠤᠯᠵᠣ᠂ ᠲᠦᠯᠦᠪᠵᠢᠬᠦᠯᠭᠡ | ᠪᠠᠶᠢᠷᠢᠰᠢᠭᠤᠯᠣᠯᠲᠠ᠂ ᠵᠠᠮ ᠬᠠᠷᠢᠯᠴᠠᠭᠠᠨ ᠤ ᠲᠣᠣᠷ᠂ ᠰᠠᠭᠤᠷᠢ ᠲᠦᠬᠦᠷᠵᠢᠬᠦᠯᠣᠯᠲᠡ᠂ ᠬᠤᠲᠠ ᠪᠠᠯᠭᠠᠰᠣᠨ ᠤ ᠵᠠᠰᠠᠯᠲᠠ᠂ ᠨᠡᠶᠢᠲᠡ ᠶᠢᠨ ᠦᠢᠯᠡᠴᠢᠯᠡᠭᠡ ᠶᠢ | ᠦᠨᠳᠣᠷ ᠪᠦᠲᠦᠮᠵᠢᠲᠠᠢ ᠠᠪᠴᠠᠯᠳᠣᠭᠤᠯᠣᠨ᠂ ᠬᠦᠴᠦᠨ ᠵᠦᠢᠯ ᠤᠨ ᠲᠣᠬᠢᠷᠠᠭᠤᠯᠣᠯᠲᠠ ᠶᠢ ᠨᠡᠩ ᠲᠡᠩᠴᠡᠬᠦᠷᠢᠲᠠᠢ ᠵᠣᠬᠢᠰᠲᠠᠢ ᠪᠣᠯᠭᠠᠵᠣ᠂ ᠨᠡᠶᠢᠲᠡ ᠶᠢᠨ | ᠦᠢᠯᠡᠴᠢᠯᠡᠭᠡ ᠶᠢ ᠨᠡᠩ ᠲᠡᠩᠴᠡᠬᠦᠷᠢᠲᠠᠢ ᠴᠣᠭᠴᠠᠵᠢᠭᠤᠯᠣᠨ᠂ ᠬᠤᠲᠠ ᠬᠦᠳᠡᠭᠡ ᠶᠢᠨ ᠣᠷᠣᠰᠢᠨ ᠰᠠᠭᠤᠬᠤ ᠣᠷᠴᠢᠨ ᠢ ᠪᠦᠬᠦ ᠣᠯᠣᠰ ᠤᠨ ᠲᠡᠷᠢᠬᠦᠨ ᠤ ᠡᠩᠨᠡᠭᠡᠨ | ᠳᠤ ᠣᠷᠣᠭᠤᠯᠣᠨ᠎ᠠ᠃ | —— ᠦᠬᠡᠷᠡᠴᠢᠯᠡᠯᠲᠡ ᠶᠢᠨ ᠬᠦᠨᠵᠡᠬᠡᠶᠢᠷᠡᠬᠦᠯᠣᠯᠲᠡ ᠶᠢ ︽ᠲᠣᠭᠲᠠᠴᠠ ᠪᠠᠷ ᠠᠬᠢᠭᠤᠯᠬᠤ︾ ᠠᠴᠠ ︽ᠦᠢᠯᠡᠳᠣᠯᠭᠡ ᠪᠠᠷ ᠠᠷᠠᠳ ᠢ ᠬᠠᠷᠠᠭᠠᠯᠵᠠᠬᠤ︾ ᠬᠡᠯᠪᠡᠷᠢ | ᠲᠡᠰᠢ ᠬᠤᠪᠢᠷᠠᠭᠤᠯᠵᠣ᠂ ᠨᠡᠩ ᠠᠮᠢᠵᠢᠷᠠᠯ ᠲᠠᠢ ᠬᠦᠭᠵᠢᠯᠲᠡ ᠶᠢ ᠪᠡᠶᠡᠯᠡᠬᠦᠯᠣᠨ᠎ᠡ᠃ ᠦᠭᠡᠷᠡᠴᠢᠯᠡᠯᠲᠡ ᠶᠢ ᠲᠠᠰᠣᠷᠠᠯᠲᠠ ᠦᠬᠡᠢ ᠬᠦᠨᠵᠡᠬᠡᠢ ᠠᠬᠢᠭᠤᠯᠵᠣ᠂ ᠲᠣᠭᠲᠠᠴᠠ | ᠶᠢᠨ ᠰᠢᠨᠡᠴᠢᠯᠡᠯ ᠬᠢᠬᠡᠳᠦᠢᠯᠡᠳᠣᠯᠭᠡ ᠶᠢᠨ ᠰᠢᠨᠡᠴᠢᠯᠡᠯ ᠤᠨ ᠠᠮᠵᠢᠯᠲᠠ ᠶᠢ ᠡᠬᠦᠳᠴᠦ᠂ ᠪᠦᠬᠦ ᠨᠡᠶᠢᠭᠡᠮ ᠤᠨ ᠬᠢᠨ ᠳᠤ ᠦᠭᠡᠷᠡᠴᠢᠯᠡᠯᠲᠡ ᠶᠢᠨ ᠰᠢᠨ᠎ᠡ ᠠᠰᠢᠭ ᠢ | ᠬᠠᠮᠳᠣ ᠡᠳ᠋ᠯᠡᠬᠦᠯᠣᠨ᠂ ᠰᠠᠭᠤᠭᠠᠯᠢ ᠠᠷᠠᠳ ᠤᠨ ᠬᠦᠷᠣᠩᠬᠡ ᠬᠤᠭᠰᠢᠯ ᠤᠨ ᠴᠢᠨᠠᠷᠲᠠᠢ ᠣᠷᠣᠯᠭ᠎ᠠ ᠶᠢ ᠶᠡᠭᠡᠪᠡᠷ ᠨᠡᠮᠡᠭᠳᠡᠬᠦᠯᠵᠣ᠂ ᠲᠣᠮᠳᠠ ᠵᠡᠷᠭᠡ ᠶᠢᠨ ᠣᠷᠣᠯᠭᠠᠲᠠᠳ ᠢ | ᠦᠷᠭᠡᠳᠭᠡᠨ᠂ ᠠᠷᠠᠳ ᠣᠯᠠᠠ ᠤ ᠬᠦᠷᠲᠡᠮᠵᠢ ᠶᠢ ᠡᠳᠣᠷ ᠢᠷᠡᠬᠦᠶᠡᠨᠡᠮᠡᠭᠳᠡᠬᠦᠯᠵᠣ᠂ ᠦᠭᠡᠷᠡᠴᠢᠯᠡᠯᠲᠡ ᠰᠢᠨᠡᠴᠢᠯᠡᠯᠲᠡ ᠶᠢᠨ ᠠᠵᠢᠯ ᠢ ᠪᠦᠬᠦ ᠣᠯᠣᠰ ᠤᠨ ᠲᠡᠷᠢᠬᠦᠨ ᠤ | ᠡᠩᠨᠡᠭᠡᠨ ᠳᠤ ᠣᠷᠣᠭᠤᠯᠣᠨ᠎ᠠ᠃ | ——ᠠᠮᠢ ᠠᠬᠤᠢ ᠶᠢᠨ ᠬᠠᠮᠠᠭᠠᠯᠠᠯᠲᠠ ᠶᠢ ︽ᠦᠵᠡᠮᠵᠢ ᠪᠠᠶᠢᠳᠠᠯ ᠤᠨ ᠰᠠᠶᠢᠵᠢᠷᠠᠯᠲᠠ︾ ᠠᠴᠠ ︽ ᠦᠷᠲᠡᠭᠲᠣ ᠠᠰᠢᠭᠯᠠᠯᠲᠠ︾ ᠶᠢᠨ ᠬᠡᠯᠪᠡᠷᠢ ᠲᠡᠰᠢ | ᠬᠤᠪᠢᠷᠠᠭᠤᠯᠵᠣ᠂ ᠨᠡᠩ ᠣᠳᠬ᠎ᠠ ᠠᠭᠤᠯᠭ᠎ᠠ ᠲᠠᠢ ᠬᠦᠭᠵᠢᠯᠲᠡ ᠶᠢ ᠪᠡᠶᠡᠯᠡᠬᠦᠯᠣᠨ᠎ᠡ᠃ ᠡᠨᠧᠷᠬᠢ ᠠᠷᠪᠢᠯᠠᠨ ᠬᠤᠷᠣᠭᠳᠠᠯ ᠪᠣᠬᠢᠷᠳᠣᠯ ᠢ ᠪᠠᠭᠠᠰᠬᠠᠬᠤ ᠪᠠᠷ ᠬᠠᠮᠤᠭ | ᠦᠨᠳᠣᠰᠣᠨ ᠦᠢᠯᠡᠳᠪᠣᠷᠢᠯᠡᠯ ᠤᠨ ᠪᠠᠷᠢᠮᠵᠢᠶ᠎ᠠ ᠪᠣᠯᠭᠠᠵᠣ᠂ ᠣᠷᠴᠢᠨ ᠬᠠᠮᠠᠭᠠᠯᠠᠬᠤ ᠬᠤᠷᠣᠭᠳᠠᠯ ᠪᠠᠭᠠᠲᠠᠢ ᠬᠡᠷᠡᠭᠯᠡᠭᠡ ᠶᠢ ᠪᠦᠬᠦ ᠠᠷᠠᠳ ᠤᠨ ᠣᠬᠠᠮᠰᠠᠷᠲᠣ ᠠᠵᠢᠯᠯᠠᠭ᠎ᠠ | ᠪᠣᠯᠭᠠᠨ᠂ ︽ᠥᠵᠡᠰᠭᠦᠯᠡᠩᠳᠤ ᠰᠠᠶᠢᠬᠠᠨ ᠡᠮᠥᠨᠡᠳᠥ ᠤᠳᠤᠭ ︾ ᠢ ᠬᠦᠭᠵᠢᠯᠲᠡ ᠶᠢᠨ ᠨᠡᠷᠡᠲᠣ ᠲᠡᠮᠳᠡᠭ ᠪᠣᠯᠣᠨ ᠠᠵᠤ ᠦᠢᠯᠡᠰ ᠪᠣᠯᠭᠠᠵᠣ᠂ ᠣᠬᠢ ᠰᠠᠶᠢᠨ ᠠᠮᠢ | ᠠᠬᠤᠢ ᠶᠢᠨ ᠣᠷᠴᠢᠨ ᠢ ᠬᠠᠮᠤᠭ ᠭᠤᠣᠯᠴᠢ ᠨᠡᠶᠢᠲᠡ ᠶᠢᠨ ᠪᠦᠲᠦᠭᠡᠭᠳᠡᠬᠦᠨ᠂ ᠬᠠᠮᠤᠭ ᠲᠦᠬᠡᠮᠡᠯ ᠠᠷᠠᠳ ᠤᠨ ᠠᠮᠢᠳᠣᠷᠠᠯ ᠤᠨ ᠠᠰᠢᠭ ᠵᠢᠷᠭᠠᠯ ᠪᠣᠯᠭᠠᠨ᠂ ᠠᠮᠢ | ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠲᠦᠪᠰᠢᠨ ᠢ ᠪᠦᠬᠦ ᠣᠯᠣᠰ ᠤᠨ ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | —— ᠨᠡᠶᠢᠬᠡᠮ ᠤᠨ ᠦᠢᠯᠡᠰ ᠢ ︽ᠦᠨᠳᠣᠰᠣᠨ ᠪᠠᠳᠣᠯᠠᠭ᠎ᠠ︾ ᠠᠴᠠ ︽ ᠣᠯᠠᠨ ᠡᠰᠢᠲᠣ ᠬᠠᠮᠲᠣ ᠡᠳ᠋ᠯᠡᠬᠦ︾ ᠬᠡᠯᠪᠡᠷᠢ ᠲᠡᠰᠢ ᠬᠤᠪᠢᠷᠠᠭᠤᠯᠵᠣ᠂ ᠨᠡᠩ ᠦᠨᠡᠨ | ᠪᠣᠳᠠᠲᠠᠢ ᠬᠦᠭᠵᠢᠯᠲᠡ ᠶᠢ ᠪᠡᠶᠡᠯᠡᠬᠦᠯᠣᠨ᠎ᠡ᠃ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠨᠡᠩ ᠢᠯᠡᠬᠦᠣ᠂ ᠨᠡᠩ ᠰᠠᠶᠢᠨ᠂ ᠨᠡᠩ ᠲᠡᠭᠰᠢ ᠪᠠᠷ ᠣᠯᠠᠨ | ᠲᠦᠮᠡᠨ ᠳᠤ ᠡᠳ᠋ᠯᠡᠬᠦᠯᠵᠣ᠂ ᠠᠷᠠᠳ ᠲᠦᠮᠡᠨ ᠤ ᠨᠠᠰᠣᠨ ᠲᠣᠷᠰᠢᠲᠠ ᠶᠢᠨ ᠴᠢᠬᠤᠯᠠ ᠭᠤᠭᠴᠣᠭᠠᠨ ᠤ ᠦᠨᠳᠣᠷ ᠪᠠᠷᠢᠮᠵᠢᠶᠠᠲᠣ᠂ ᠨᠠᠷᠢᠯᠢᠭ ᠦᠢᠯᠡᠴᠢᠯᠡᠭᠡ ᠶᠢ | ᠪᠦᠷᠢᠨᠰᠢᠬᠦᠯᠵᠣ᠂ ᠠᠷᠠᠳ ᠣᠯᠠᠨ ᠳᠤ ᠦᠯᠡᠮᠵᠢ ᠬᠡᠰᠢᠭ ᠬᠦᠷᠲᠡᠭᠡᠨ᠂ ᠲᠦᠮᠡᠨ ᠣᠯᠠᠨ ᠤ ᠬᠦᠷᠲᠡᠮᠵᠢ᠂ ᠵᠣᠯ ᠵᠢᠷᠭᠠᠯ᠂ ᠠᠮᠣᠷ ᠲᠦᠪᠰᠢᠨ ᠤ ᠬᠠᠨᠣᠮᠵᠢ ᠶᠢ ᠪᠦᠬᠦ | ᠣᠯᠣᠰ ᠤᠨ ᠲᠡᠷᠢᠬᠦᠨ ᠤ ᠡᠩᠨᠡᠭᠡᠨ ᠳᠤ ᠣᠷᠣᠭᠤᠯᠣᠨ᠎ᠠ᠃ | ᠲᠦᠯᠦᠬᠡᠯᠡᠭᠴᠢᠳ ᠡ᠂ ᠦᠢᠯᠡᠰ ᠵᠢᠳᠬᠦᠯ ᠲᠡᠬᠦᠰᠭᠡᠯ ᠦᠬᠡᠢ ᠭᠡᠳᠡᠭᠴᠢᠯᠡᠨ᠂ ᠲᠡᠷᠢᠬᠦᠨ ᠤ ᠡᠩᠨᠡᠭᠡᠨ ᠳᠤ ᠣᠷᠣᠬᠤ ᠵᠣᠷᠢᠯᠲᠠ ᠶᠢ ᠪᠣᠯ ᠪᠢᠲᠠ ᠬᠤᠰᠢᠭᠤ | ᠶᠢᠰᠣᠳᠣᠭᠡᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠨᠡᠶᠢᠳᠠᠪᠣᠷᠢᠵᠢᠭᠤᠯᠣᠨ᠂ ᠠᠵᠣ ᠠᠮᠢᠳᠣᠷᠠᠯ ᠴᠢᠨᠡᠭᠡᠯᠢᠭ᠂ ᠣᠶᠣᠨ | ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠲᠠᠢ᠂ ᠡᠮᠬᠢ ᠵᠢᠷᠣᠮ ᠰᠠᠶᠢᠨ᠂ ᠬᠡᠪ ᠰᠣᠷᠲᠠᠯ ᠲᠦᠪᠥᠵᠡᠰᠭᠦᠯᠡᠩᠳᠤ ᠰᠠᠶᠢᠬᠠᠨ ᠡᠮᠥᠨᠡᠳᠥ ᠤᠳᠤᠭ ᠢ ᠴᠣᠭᠴᠠᠯᠠᠬᠤ | ᠶᠠᠪᠣᠴᠠ ᠳᠤ᠂ ᠢᠷᠡᠭᠡᠳᠣᠢ ᠶᠢᠨ ᠬᠦᠭᠵᠢᠯᠲᠡ ᠶᠢᠨ ᠠᠯᠣᠰ ᠤᠨ ᠬᠠᠷᠠᠴᠠ ᠪᠠᠷ ᠲᠦᠰᠦᠪᠯᠡᠭᠰᠡᠨ ᠶᠣᠮ᠂ ᠮᠦᠨᠴᠣ ᠪᠢᠳᠠ ᠰᠢᠨ᠎ᠡ ᠴᠠᠭ ᠦᠶ᠎ᠡ ᠳᠤ ᠣᠷᠣᠵᠣ᠂ | ᠲᠡᠣᠭᠡ ᠶᠢᠨ ᠰᠢᠨ᠎ᠡ ᠣᠷᠣᠨ ᠪᠠᠶᠢᠷᠢ ᠪᠠᠨ ᠬᠠᠶᠢᠵᠣ ᠪᠠᠶᠢᠭ᠎ᠠ ᠰᠢᠨ᠎ᠡ ᠣᠷᠣᠭᠰᠢᠯᠠᠯᠲᠠ ᠪᠣᠯᠬᠤ ᠶᠣᠮ᠃ ᠪᠢᠳᠠᠨ ᠤ ᠡᠨᠡ ᠬᠦ ᠬᠠᠷᠠᠯᠲᠠ ᠪᠠᠨ ᠪᠡᠶᠡᠯᠡᠬᠦᠯᠬᠦ ᠪᠠᠲᠣ | ᠢᠳᠡᠭᠡᠯ ᠲᠡᠬᠦᠯᠳᠡᠷ ᠵᠣᠷᠢᠭ ᠨᠢ ᠣᠯᠠᠨ ᠵᠢᠯ ᠤᠯᠠᠮᠵᠢᠯᠠᠨ ᠦᠷᠬᠦᠯᠵᠢᠯᠡᠬᠦᠯᠣᠭ᠍ᠰᠡᠨ ᠲᠡᠮᠡᠴᠡᠯ ᠤᠨ ᠬᠤᠷᠠᠮᠳᠣᠯ ᠰᠠᠭᠤᠷᠢ ᠠᠴᠠ ᠢᠷᠡᠯ ᠲᠠᠢ᠂ ᠣᠷᠲᠣ ᠬᠤᠭᠤᠴᠠᠭᠠᠨ ᠤ | ᠴᠣᠴᠠᠰᠢ ᠦᠬᠡᠢ ᠴᠢᠷᠮᠠᠶᠢᠯᠭ᠎ᠠ ᠶᠢᠨ ᠬᠤᠷᠠᠮᠳᠣᠯ ᠬᠦᠴᠦᠨ ᠠᠴᠠ ᠢᠷᠡᠯ ᠲᠠᠢ᠂ ᠪᠦᠬᠦ ᠬᠤᠰᠢᠭᠤᠨ ᠤ ᠣᠷᠣᠭᠰᠢᠯᠡᠨ ᠲᠠᠪᠰᠢᠬᠤ ᠬᠤᠷᠠᠮᠳᠣᠯ ᠡᠷᠴᠢ ᠠᠴᠠ ᠢᠷᠡᠯ ᠲᠠᠢ | ᠶᠣᠮ᠃ ᠪᠢᠳᠠ ᠡᠳᠣᠬᠡ ᠶᠠᠭ ᠬᠦᠭᠵᠢᠯᠲᠡ ᠶᠢᠨ ᠪᠠᠶᠢᠳᠠᠯ ᠬᠠᠨᠳᠣᠰᠢ ᠶᠢᠨ ᠦᠭᠰᠦᠯᠲᠡ ᠶᠢᠨ ᠬᠤᠭᠤᠴᠠᠭᠠᠨ ᠳᠤ ᠣᠷᠣᠰᠢᠵᠣ ᠪᠠᠶᠢᠬᠤ ᠪᠠᠨ ᠵᠠᠪᠠᠯ ᠣᠯᠵᠣ ᠬᠠᠷᠠᠬᠤ | ᠬᠡᠷᠡᠭᠲᠡᠢ᠃ ᠡᠨᠡ ᠬᠡᠳᠥᠨ ᠵᠢᠯ ᠳᠤ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠠᠯᠬᠤᠮ ᠠᠯᠬᠤᠮ ᠢᠶᠠᠷ ᠬᠤᠷᠳᠣᠴᠠ ᠲᠣᠬᠢᠷᠠᠮᠵᠢᠲᠠᠢ᠂ ᠪᠦᠲᠦᠴᠡ | ᠰᠢᠯᠢᠳᠡᠭᠵᠢᠯ ᠲᠠᠢ᠂ ᠨᠡᠮᠡᠭᠳᠡᠯ ᠡᠮᠬᠢ ᠲᠠᠢ᠂ ᠬᠠᠨᠳᠣᠰᠢ ᠬᠦᠴᠦᠷᠬᠡᠭᠵᠢᠯ ᠲᠠᠢ ᠲᠠᠪᠬᠤᠷᠭ᠎ᠠ ᠳᠤ ᠣᠷᠣᠵᠣ᠂ ᠠᠵᠣ ᠦᠢᠯᠡᠰ ᠤᠨ ᠣᠯᠠᠩᠬᠢ ᠨᠢ ᠲᠦᠷᠬᠡᠨ ᠪᠣᠶᠢᠵᠢᠯᠲᠡ | ᠶᠢᠨ ᠱᠠᠳᠣᠨ ᠳᠤ ᠣᠷᠣᠵᠣ᠂ ᠶᠡᠬᠡᠩᠬᠢ ᠦᠢᠯᠡᠳᠪᠣᠷᠢᠯᠡᠯ ᠤᠨ ᠴᠢᠳᠠᠪᠣᠷᠢ ᠴᠢᠩᠭᠠᠷᠠᠵᠣ᠂ ᠬᠦᠭᠵᠢᠯᠲᠡ ᠶᠢᠨ ᠰᠢᠨ᠎ᠡ ᠲᠡᠯᠡᠬᠦ ᠬᠦᠴᠦᠨ ᠲᠣᠪᠣᠶᠢᠵᠣ᠂ ᠠᠵᠣ ᠠᠬᠤᠢ | ᠶᠢᠨ ᠦᠪᠡᠷ ᠤᠨ ᠨᠡᠮᠡᠭᠳᠡᠯ ᠤᠨ ᠨᠦᠬᠡᠴᠡ ᠬᠦᠴᠦᠨ ᠯᠣᠳᠣ ᠶᠡᠭᠡ ᠨᠡᠮᠡᠭᠳᠡᠭᠰᠡᠨ ᠪᠠᠶᠢᠨ᠎ᠠ᠃ ᠪᠢᠳᠠᠨ ᠳᠤ ᠰᠢᠨ᠎ᠡ ᠴᠠᠭ ᠦᠶ᠎ᠡ ᠶᠢᠨ ᠰᠢᠨ᠎ᠡ ᠠᠵᠠ ᠲᠣᠬᠢᠶᠠᠯ | ᠲᠣᠯᠭᠠᠷᠠᠵᠣ ᠪᠠᠶᠢᠬᠤ ᠶᠢ ᠵᠠᠪᠠᠯ ᠣᠯᠵᠣ ᠬᠠᠷᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠬᠤᠷᠠᠯ ᠬᠦᠳᠡᠭᠡ ᠨᠤᠳᠤᠭ ᠢ ᠬᠦᠭᠵᠢᠭᠦᠯᠦᠨ ᠬᠦᠴᠦᠷᠭᠡᠭᠵᠢᠭᠦᠯᠬᠦ ᠶᠢ | ᠣᠯᠣᠰ ᠤᠨ ᠪᠠᠶᠢᠯᠳᠣᠬᠤ ᠪᠣᠳᠣᠯᠭ᠎ᠠ ᠶᠢᠨ ᠲᠦᠪᠰᠢᠨ ᠠᠴᠠ ᠭᠠᠷᠭᠠᠭᠰᠠᠨ ᠢ ᠦᠵᠡᠬᠦ ᠳᠤ᠂ ᠬᠤᠶᠢᠰᠢᠳᠠ ᠨᠡᠩ ᠠᠷᠪᠢᠨ ᠪᠡᠯᠡ ᠮᠦᠩᠭᠦ᠂ ᠲᠦᠷᠦ ᠶᠢᠨ ᠪᠣᠳᠣᠯᠭ᠎ᠠ | ᠵᠡᠷᠬᠡ ᠬᠦᠴᠦᠨ ᠵᠣᠶᠢᠯ ᠢ ᠮᠠᠯᠵᠢᠬᠤ ᠲᠠᠷᠢᠶᠠᠯᠠᠬᠤ ᠣᠷᠣᠨ ᠲᠡᠰᠢ ᠬᠡᠯᠪᠡᠶᠢᠯᠭᠡᠵᠣ᠂ ᠬᠦᠳᠡᠭᠡ ᠲᠣᠰᠬᠤᠨ ᠢ ᠠᠵᠣ ᠣᠶᠢᠯᠠᠰ ᠤᠨ ᠬᠡᠯᠪᠡᠷᠢ ᠶᠢ ᠬᠤᠪᠢᠷᠠᠭᠤᠯᠬᠤ | ᠬᠦᠭᠵᠢᠯᠳᠡ ᠶᠢᠨ ᠭᠤᠣᠯ ᠹᠷᠣᠨᠲ ᠪᠣᠯᠭᠠᠬᠤ ᠨᠢ ᠯᠠᠪᠳᠠᠢ᠃ ᠪᠢᠳᠡ ᠤ ᠡᠬᠦᠳᠦᠨ ᠬᠡᠷᠡᠭᠵᠢᠭᠦᠯᠦᠭᠰᠡᠨ ︽ᠲᠡᠰ ᠴᠢᠨᠠᠷᠳᠦ ᠮᠠᠯ ᠲᠠᠷᠢᠶᠠᠯᠠᠩ᠂ ᠬᠡᠪ ᠴᠢᠨᠰᠠᠭᠠᠳᠦ | ᠮᠠᠯᠵᠢᠬᠤ ᠲᠠᠷᠢᠶᠠᠯᠠᠬᠤ ᠣᠷᠣᠨ᠂ ᠪᠤᠯᠪᠠᠰᠤᠷᠠᠯ ᠰᠠᠶᠢᠳᠠᠢ ᠮᠠᠯᠴᠢᠨ ᠲᠠᠷᠢᠶᠠᠴᠢᠨ︾ ᠤ ᠢᠨᠵᠧᠨᠧᠷᠢᠩ ᠬᠦᠳᠡᠭᠡ ᠲᠣᠰᠬᠤᠨ ᠢ ᠬᠦᠭᠵᠢᠭᠦᠯᠦᠨ ᠭᠦᠴᠦᠷᠭᠡᠭᠵᠢᠭᠦᠯᠬᠦ | ᠪᠠᠶᠢᠯᠳᠣᠬᠤ ᠪᠣᠳᠣᠯᠭ᠎ᠠ ᠲᠠᠢ ᠠᠭᠤᠯᠬᠤᠨ᠂ ᠬᠠᠷᠠᠯᠳᠠ ᠶᠢᠨ ᠲᠠᠯ᠎ᠠ ᠪᠠᠷ ᠲᠡᠭᠡᠷ᠎ᠡ ᠬᠡᠮᠵᠢᠶ᠎ᠡ ᠪᠠᠷ ᠨᠡᠶᠢᠴᠡᠵᠣ᠂ ᠨᠢᠭᠡᠨᠳᠡ ᠬᠦᠭᠵᠢᠯᠳᠡ ᠶᠢᠨ ᠣᠷᠢᠳᠠᠴᠢ ᠲᠣᠬᠢᠶᠠᠯ | ᠪᠣᠯᠣᠨ ᠣᠷᠣᠨ ᠵᠠᠢ ᠶᠢ ᠡᠵᠡᠮᠳᠡᠭᠰᠡᠨ ᠪᠠᠶᠢᠨ᠎ᠠ᠃ ᠨᠠᠮ ᠤᠨ ᠠᠷᠪᠠ ᠶᠢᠰᠦᠳᠦᠭᠡᠷ ᠬᠤᠷᠠᠯ ᠠᠴᠠ ᠬᠠᠩᠭᠠᠯᠠᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠠᠵᠣ ᠠᠬᠤᠢ ᠶᠢᠨ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠣᠷᠳᠦ ᠬᠤᠭᠤᠴᠠᠭᠠᠨ ᠤ ᠬᠠᠷᠠᠯᠳᠠ ᠪᠠᠷ ᠲᠣᠳᠣᠷᠬᠠᠶᠢᠯᠠᠵᠣ᠂ ᠬᠠᠩᠭᠠᠯᠠᠭ᠎ᠠ ᠶᠢᠨ | ᠴᠢᠨᠠᠷᠵᠢᠯ ᠤᠨ ᠲᠡᠭᠡᠭᠰᠢᠯᠡᠭᠦᠯᠦᠯᠳᠡ ᠶᠢ ᠠᠵᠣ ᠠᠬᠤᠢ ᠶᠢᠨ ᠬᠦᠭᠵᠢᠯᠳᠠ ᠶᠢᠨ ᠭᠤᠣᠯ ᠰᠢᠪᠳᠣᠯᠣᠯᠳᠠ ᠶᠢᠨ ᠴᠢᠭᠯᠡᠯ ᠪᠤᠯᠭᠠᠭᠰᠠᠨ ᠨᠢ᠂ ᠴᠢᠨᠠᠷᠯᠢᠭ ᠬᠠᠩᠭᠠᠯᠠᠭ᠎ᠠ | ᠪᠠᠶᠢᠮᠠᠨᠵᠢᠨ ᠰᠠᠶ᠋ᠢ ᠵᠠᠬ᠎ᠠ ᠲᠡᠯᠭᠡᠭᠦᠷ ᠤᠨ ᠨᠤᠷᠮ᠎ᠠ ᠶᠢ ᠨᠡᠩ ᠢᠯᠡᠭᠦᠥ ᠡᠵᠡᠯᠡᠵᠥ ᠴᠢᠳᠠᠨ᠎ᠠ ᠭᠡᠰᠡᠨ ᠢ ᠬᠠᠷᠠᠭᠤᠯᠵᠤ ᠪᠤᠢ᠃ ᠪᠢᠳᠡ ᠴᠢᠬᠤᠯᠠ ᠶᠡᠭᠡ ᠲᠦᠷᠦᠯ ᠵᠣᠶᠢᠯ ᠢ | ᠲᠦᠯᠦᠪᠵᠢᠭᠦᠯᠦᠨ ᠪᠠᠶᠢᠭᠤᠯᠬᠤ ᠳᠤ ᠪᠠᠨ ᠢᠮᠠᠭᠳᠠ ᠦᠵᠦᠭᠦᠷᠵᠢᠯ ᠬᠠᠩᠭᠠᠯᠠᠭ᠎ᠠ ᠶᠢ ᠴᠢᠬᠤᠯᠠᠴᠢᠯᠠᠵᠣ᠂ ᠰᠦᠪᠡᠭᠴᠢᠯᠡᠨ ᠠᠬᠢᠭᠤᠯᠵᠣ ᠪᠠᠶᠢᠭ᠎ᠠ ︽ᠪᠦᠬᠦ ᠴᠠᠷᠠᠭᠠᠨ ᠤ | ᠵᠢᠭᠤᠯᠴᠢᠯᠠᠯ︾ ᠢᠶᠠᠷ ᠬᠡᠷᠡᠭᠯᠡᠭᠡᠨ ᠤ ᠱᠠᠭᠠᠷᠳᠠᠯᠭ᠎ᠠ ᠲᠠᠢ ᠨᠢᠭᠳᠠ ᠠᠪᠴᠠᠯᠳᠣᠭᠤᠯᠵᠣ᠂ ᠦᠭᠡᠷᠡᠴᠢᠯᠡᠯᠳᠡ ᠬᠦᠭᠵᠢᠯᠳᠡ ᠶᠢᠨ ᠶᠡᠭᠡ ᠬᠠᠨᠳᠣᠰᠢ ᠳᠤ ᠨᠡᠶᠢᠴᠡᠭᠦᠯᠦᠭᠰᠡᠨ | ᠠᠴᠠ ᠵᠠᠬ᠎ᠠ ᠲᠡᠯᠭᠡᠭᠦᠷ ᠤᠨ ᠨᠥᠭᠡᠴᠡ ᠭᠥᠴᠥᠨ ᠢ ᠴᠢᠩᠭᠠᠳᠬᠠᠭᠰᠠᠨ ᠪᠠᠶᠢᠨ᠎ᠠ᠃ ᠪᠢᠳᠡ ᠲᠡᠷᠢᠭᠦᠨ ᠳᠤ ᠨᠢ ᠭᠠᠷᠬᠤ ᠲᠡᠭᠦᠯᠳᠡᠷ ᠵᠣᠷᠢᠭ ᠢᠶᠠᠷ ᠬᠦᠭᠵᠢᠯᠳᠡ ᠶᠢᠨ | ᠬᠠᠮ ᠬᠦᠴᠦᠨ ᠢ ᠨᠢᠭᠳᠠᠷᠠᠭᠤᠯᠣᠨ᠂ ᠡᠭᠦᠷᠭᠡᠯᠡᠯ ᠬᠠᠷᠢᠭᠤᠴᠠᠯᠭ᠎ᠠ ᠪᠠᠨ ᠴᠢᠩᠭᠠᠳᠬᠠᠵᠣ᠂ ᠪᠣᠳᠠᠳᠠᠢ ᠠᠵᠢᠯᠯᠠᠨ ᠪᠣᠳᠠᠳᠠᠶᠢᠵᠢᠭᠤᠯᠣᠨ ᠨᠠᠶᠢᠳᠠᠪᠦᠷᠢᠵᠢᠭᠤᠯᠳᠠᠭ ᠯᠠ ᠶᠣᠮ | ᠪᠣᠯ ᠬᠠᠨᠳᠣᠰᠢ ᠪᠠᠶᠢᠳᠠᠯ ᠢᠶᠠᠷ ᠬᠦᠭᠵᠢᠯᠳᠡ ᠶᠢᠨ ᠲᠠᠪᠠᠭᠤᠯᠢᠭ ᠢ ᠡᠭᠦᠳᠴᠦ᠂ ᠣᠳᠤᠭ ᠤᠨ ᠡᠮᠦᠨᠡᠳᠦ ᠬᠤᠰᠢᠭᠤᠨ ᠤ ᠢᠷᠠᠭᠤ ᠲᠣᠣᠯᠢᠰ ᠢ ᠪᠢᠴᠢᠭᠯᠡᠬᠦ ᠨᠢ ᠯᠠᠪᠳᠠᠢ᠃ | | ︵ᠨᠢᠭᠡ︶᠂ ᠠᠵᠤ ᠥᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠲᠠᠪᠰᠢᠭᠤᠯᠬᠤ ᠪᠠᠨ ᠲᠥᠷᠭᠡᠳᠭᠡᠵᠥ᠂ ᠨᠡᠩ ᠪᠥᠳᠥᠮᠵᠢᠳᠤ ᠭᠥᠭᠵᠢᠯᠳᠡ ᠪᠠᠷ | ᠠᠷᠠᠳ ᠢᠶᠠᠨ ᠴᠢᠨᠡᠭᠡᠯᠢᠭᠵᠢᠭᠦᠯᠥᠨᠡ᠃ ᠬᠠᠩᠭᠠᠯᠠᠭ᠎ᠠ ᠶᠢᠨ ᠲᠠᠯ᠎ᠠ ᠶᠢᠨ ᠪᠥᠳᠥᠴᠠ ᠶᠢᠨ ᠴᠢᠨᠠᠷᠳᠤ ᠥᠭᠡᠷᠡᠴᠢᠯᠡᠯᠳᠡ ᠶᠢ ᠭᠥᠨᠵᠡᠭᠡᠢ ᠠᠬᠢᠭᠤᠯᠵᠤ᠂ ᠭᠥᠳᠡᠯᠭᠡᠭᠴᠢ | ᠭᠥᠴᠥᠨ᠂ ᠠᠮᠢᠳᠤᠯᠢᠭ ᠭᠥᠴᠥᠨ᠂ ᠥᠷᠢᠰᠭᠦ ᠭᠥᠴᠥᠨ ᠢᠶᠠᠷ ᠨᠡᠩ ᠴᠢᠩᠭ᠎ᠠ ᠤᠳᠤ ᠥᠶ᠎ᠡ ᠶᠢᠨ ᠠᠵᠤ ᠥᠢᠯᠡᠰ ᠤᠨ ᠰᠢᠰᠲ᠋ᠧᠮ ᠢ ᠭᠥᠴᠥᠯᠡᠨ ᠴᠤᠭᠴᠠᠯᠠᠨ᠎ᠠ᠃ | ︽ᠭᠥᠳᠡᠭᠡ ᠨᠤᠳᠤᠭ ᠢ ᠭᠥᠴᠥᠷᠭᠡᠭᠵᠢᠭᠦᠯᠥᠨ ᠭᠥᠭᠵᠢᠭᠦᠯᠭᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠥᠨ᠂ ︽ᠲᠡᠰ ᠴᠢᠨᠠᠷᠳᠤ ᠮᠠᠯ ᠲᠠᠷᠢᠶᠠᠯᠠᠩ᠂ | ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ᠂ ᠪᠤᠯᠪᠠᠰᠤᠷᠠᠯ ᠰᠠᠶᠢᠳᠠᠢ ᠮᠠᠯᠴᠢᠨ ᠲᠠᠷᠢᠶᠠᠴᠢᠳ︾ ᠤᠨ ᠪᠤᠳᠤᠯᠭ᠎ᠠ ᠶᠢ ᠭᠥᠨᠵᠡᠭᠡᠶᠢᠷᠡᠭᠦᠯᠥᠨ ᠠᠬᠢᠭᠤᠯᠤᠨ᠎ᠠ᠃ ᠮᠠᠯ | ᠲᠠᠷᠢᠶᠠᠯᠠᠩ ᠤᠨ ᠬᠠᠩᠭᠠᠯᠠᠭ᠎ᠠ ᠶᠢᠨ ᠲᠠᠯ᠎ᠠ ᠶᠢ ᠪᠥᠭᠦ ᠲᠠᠯ᠎ᠠ ᠪᠠᠷ ᠰᠢᠯᠢᠳᠡᠭᠵᠢᠭᠦᠯᠥᠨ᠂ ᠮᠠᠯᠵᠢᠬᠤ ᠲᠠᠷᠢᠶᠠᠯᠠᠬᠤ ᠤᠷᠤᠨ ᠤ ᠭᠥᠴᠥᠨ ᠵᠥᠢᠯ ᠤᠨ ᠠᠮᠢᠳᠤᠯᠢᠭ | ᠭᠥᠴᠥᠨ ᠢ ᠭᠥᠭᠵᠢᠭᠡᠵᠥ᠂ ᠮᠠᠯᠴᠢᠨ ᠲᠠᠷᠢᠶᠠᠴᠢᠨᠳ ᠤᠨ ᠤᠷᠤᠯᠭ᠎ᠠ ᠶᠢ ᠪᠠᠳᠤᠯᠠᠨ ᠰᠠᠶᠢᠵᠢᠷᠠᠭᠤᠯᠤᠨ᠎ᠠ᠃ ︽ᠭᠤᠷᠪᠠ ᠶᠢ ᠲᠤᠬᠢᠷᠠᠭᠤᠯᠬᠤ︾᠂ ︽ᠬᠤᠶᠠᠷ ᠢ | ᠢᠳᠡᠪᠬᠢᠯᠡᠭᠦᠯᠭᠦ︾ ᠪᠠᠷ ᠮᠠᠯ ᠲᠠᠷᠢᠶᠠᠯᠠᠩ ᠤᠨ ᠥᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠲᠠᠪᠰᠢᠭᠤᠯᠵᠤ᠂ ᠴᠢᠨᠠᠷ ᠢ ᠨᠢ ᠲᠡᠭᠡᠭᠰᠢᠯᠡᠭᠦᠯᠥᠨ ᠠᠰᠢᠭ ᠢ | ᠵᠤᠵᠠᠭᠠᠳᠬᠠᠨ᠎ᠠ᠃ ᠪᠥᠳᠥᠭᠡᠭᠳᠡᠭᠦᠨ ᠤ ᠪᠥᠳᠥᠴᠡ ᠶᠢ ᠲᠤᠬᠢᠷᠠᠭᠤᠯᠤᠨ ᠰᠢᠯᠢᠳᠡᠭᠵᠢᠭᠦᠯᠵᠥ᠂ ᠮᠠᠯ ᠤᠨ ᠡᠭᠦᠯᠳᠡᠷ ᠰᠠᠶᠢᠵᠢᠷᠠᠭᠤᠯᠤᠯᠳᠠ ᠪᠤᠯᠤᠨ ᠲᠠᠷᠢᠵᠤ ᠲᠡᠵᠢᠭᠡᠭᠦ | ᠠᠵᠢᠯ ᠢ ᠴᠢᠨᠠᠷᠵᠢᠭᠤᠯᠬᠤ ᠠᠴᠠ ᠡᠬᠢᠯᠡᠭᠦᠯᠥᠨ᠂ ᠪᠥᠳᠥᠴᠡ ᠶᠢᠨ ᠲᠤᠬᠢᠷᠠᠭᠤᠯᠤᠯᠳᠠ ᠶᠢᠨ ᠭᠤᠷᠪᠠᠨ ᠵᠢᠯ ᠤᠨ ᠰᠢᠪᠳᠤᠯᠤᠯᠳᠠ ᠥᠷᠨᠢᠭᠦᠯᠥᠨ᠂ ᠪᠥᠳᠥᠭᠡᠭᠳᠡᠭᠦᠨ ᠤ | ᠴᠢᠨᠠᠷ ᠲᠡᠰ ᠪᠤᠯᠤᠨ ᠨᠢᠭᠡᠴᠢ ᠭᠠᠷᠤᠯᠳᠠ ᠶᠢ ᠲᠡᠭᠡᠭᠰᠢᠯᠡᠭᠦᠯᠵᠥ᠂ ᠵᠠᠬ᠎ᠠ ᠲᠡᠯᠭᠡᠭᠦᠷ ᠲᠤ ᠬᠠᠨᠳᠤᠭᠤᠯᠤᠭᠰᠠᠨ ᠪᠤᠷᠤᠯᠠᠭᠤᠯᠭ᠎ᠠ ᠰᠠᠶᠢᠳᠠᠢ ᠮᠠᠯ ᠲᠠᠷᠢᠶᠠᠯᠠᠩ ᠤᠨ ᠠᠰᠢᠭ | ᠰᠢᠮ᠎ᠡ ᠶᠢᠨ ᠬᠠᠩᠭᠠᠯᠠᠭ᠎ᠠ ᠶᠢᠨ ᠲᠠᠯ᠎ᠠ ᠶᠢ ᠪᠥᠷᠢᠳᠥᠭᠦᠯᠵᠥ᠂ 100 ᠲᠥᠮᠡᠨ ᠠᠯᠠᠰᠢᠨ ᠪᠤᠭ ᠮᠠᠯ᠂ 10 ᠲᠥᠮᠡᠨ ᠠᠯᠠᠰᠢᠨ ᠥᠭᠡᠷ᠂ ᠲᠥᠮᠡᠨ ᠲᠤᠨ ᠴᠢᠨᠠᠷ | ᠰᠠᠶᠢᠳᠤ ᠮᠠᠯ ᠲᠠᠷᠢᠶᠠᠯᠠᠩ ᠤᠨ ᠪᠥᠳᠥᠭᠡᠭᠳᠡᠭᠦᠨ ᠬᠢᠭᠡᠳ 100 ᠲᠤᠨ ᠤ ᠤᠨᠴᠠ ᠤᠷᠳᠤ ᠨᠠᠷᠢᠨ ᠰᠠᠶᠢᠨ ᠨᠤᠤᠯᠤᠭᠤᠷ ᠤᠨ ᠭᠠᠷᠤᠯᠳᠠ ᠶᠢᠨ ᠰᠠᠭᠤᠷᠢᠨ ᠢ | ᠴᠤᠭᠴᠠᠯᠠᠵᠤ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠴᠢᠨᠠᠷ ᠢ ᠪᠥᠭᠦ ᠲᠠᠯ᠎ᠠ ᠪᠠᠷ ᠰᠠᠶᠢᠵᠢᠷᠠᠭᠤᠯᠤᠨ᠎ᠠ︔ ᠴᠢᠨᠠᠷ ᠰᠠᠶᠢᠳᠠᠢ ᠨᠤᠳᠤᠭ ᠤᠨ ᠭᠠᠷᠤᠯᠳᠠ ᠶᠢ | ᠲᠥᠪᠯᠡᠷᠡᠭᠦᠯᠥᠨ ᠲᠡᠯᠭᠡᠨ ᠪᠤᠷᠤᠯᠠᠭᠤᠯᠬᠤ ᠲᠠᠪᠴᠠᠩ ᠪᠥᠳᠥᠭᠡᠵᠥ᠂ ᠭᠠᠵᠠᠷ ᠤᠷᠤᠨ ᠤ ᠨᠡᠷᠡᠳᠤ ᠲᠡᠮᠳᠡᠭ ᠢᠶᠠᠷ ᠠᠯᠳᠠᠷᠰᠢᠯ ᠪᠥᠳᠥᠭᠡᠭᠳᠡᠭᠦᠨ ᠢ ᠴᠡᠭᠴᠡᠵᠢᠭᠦᠯᠥᠨ᠂ | ᠨᠡᠷᠡᠳᠤ ᠲᠡᠮᠳᠡᠭ ᠤᠨ ᠭᠡᠰᠢᠭᠦᠳ ᠤᠨ ᠲᠥᠷᠢᠮ ᠢ ᠰᠥᠪᠡᠭᠴᠢᠯᠡᠵᠤ ᠲᠤᠭᠳᠠᠭᠠᠨ᠂ ᠴᠢᠨᠠᠷ ᠪᠠᠷᠢᠮᠵᠢᠶ᠎ᠠ ᠶᠢ ᠨᠢᠭᠡᠳᠭᠡᠨ ᠲᠡᠮᠳᠡᠭ ᠨᠡᠷᠡᠮᠵᠢ ᠶᠢ ᠴᠤᠭ ᠢᠶᠠᠷ ᠠᠰᠢᠭᠯᠠᠵᠤ᠂ | ᠬᠠᠮᠳᠤ ᠶᠢᠨ ᠭᠥᠴᠥᠨ ᠢᠶᠠᠷ ᠵᠠᠬ᠎ᠠ ᠲᠡᠯᠭᠡᠭᠦᠷ ᠢ ᠥᠷᠭᠡᠳᠭᠡᠨ᠂ ᠴᠢᠨᠠᠷᠯᠢᠭ ᠪᠥᠳᠥᠭᠡᠭᠳᠡᠭᠦᠨ ᠥᠨᠳᠥᠷ ᠠᠰᠢᠭ ᠢ ᠪᠠᠲᠦᠯᠠᠵᠤ᠂ ᠮᠠᠯ ᠲᠠᠷᠢᠶᠠᠯᠠᠩ ᠤᠨ ᠥᠢᠯᠡᠰ ᠤᠨ | ᠪᠥᠭᠦᠯᠢ ᠴᠤᠭᠴᠠ ᠶᠢᠨ ᠠᠰᠢᠭ ᠤᠷᠤᠯᠭ᠎ᠠ ᠶᠢ ᠨᠡᠮᠡᠭᠳᠡᠭᠦᠯᠥᠨ᠎ᠡ᠃ ᠥᠢᠯᠡᠳᠪᠥᠷᠢᠯᠡᠯ ᠤᠨ ᠠᠷᠭ᠎ᠠ ᠮᠠᠶ᠋ᠢᠭ ᠢ ᠰᠠᠶᠢᠳᠤᠷ ᠲᠤᠬᠢᠷᠠᠭᠤᠯᠤᠨ᠂ ᠠᠵᠤ ᠥᠢᠯᠡᠰ ᠤᠨ | ᠬᠡᠯᠪᠡᠷᠢ ᠶᠢᠨ ᠬᠤᠪᠢᠷᠠᠯᠳᠠ ᠶᠢᠨ ᠪᠠᠶᠢᠳᠠᠯ ᠳᠤ ᠨᠡᠶᠢᠴᠡᠭᠦᠯᠵᠤ᠂ ᠰᠤᠩᠭᠤᠯᠳᠠ ᠲᠠᠢ ᠪᠠᠷ ᠠᠷᠠᠯᠵᠢᠶᠠᠴᠢᠨ ᠤᠷᠢᠨ᠂ ᠲᠠᠶᠢᠴᠢᠯᠠᠨ ᠲᠠᠭᠠᠭᠤᠯᠬᠤ ᠥᠨᠡᠨ ᠭᠦ ᠴᠢᠳᠠᠮᠵᠢ | ᠲᠠᠢ ᠨᠢᠭᠡ ᠪᠥᠯᠥᠭ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠤᠨ᠂ ᠮᠠᠯᠴᠢᠨ ᠲᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠭ ᠲᠤᠰᠠ ᠨᠢᠭᠳᠠ | ᠬᠤᠯᠪᠤᠯᠳᠤᠭᠰᠠᠨ ᠮᠠᠯᠵᠢᠯ ᠤᠨ ᠪᠠ ᠲᠠᠷᠢᠶᠠᠯᠠᠩ ᠤᠨ ᠲᠠᠯᠠᠪᠠᠢ ᠮᠠᠶ᠋ᠢᠭ ᠤᠨ ᠴᠤᠭᠴᠠᠵᠢᠯ ᠡᠵᠡᠩᠨᠡᠯᠳᠡ ᠶᠢ ᠢᠳᠡᠪᠬᠢᠳᠡᠢ ᠭᠥᠭᠵᠢᠭᠡᠵᠥ᠂ ᠮᠠᠯ ᠲᠠᠷᠢᠶᠠᠯᠠᠩ ᠤᠨ | ᠪᠤᠬᠢᠷᠳᠤᠯ ᠥᠭᠡᠢ ᠥᠢᠯᠡᠳᠪᠥᠷᠢᠯᠡᠯ ᠪᠤᠯᠤᠨ ᠠᠵᠤ ᠥᠢᠯᠡᠰᠴᠢᠯᠡᠭᠰᠡᠨ ᠭᠥᠭᠵᠢᠯᠳᠡ ᠶᠢ ᠠᠬᠢᠭᠤᠯᠤᠨ᠎ᠠ᠃ ᠡᠬᠢ ᠰᠤᠷᠪᠤᠯᠵᠢ ᠶᠢ ᠴᠡᠭᠴᠡᠵᠢᠭᠦᠯᠥᠨ᠂ ᠴᠢᠬᠤᠯᠠ ᠵᠥᠢᠯ | ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠥ᠂ ᠡᠷᠥᠭᠡ ᠬᠤᠯᠪᠤᠭᠠᠯᠠᠨ ᠡᠵᠡᠩᠨᠡᠭᠦ ᠪᠠ ᠪᠠᠷᠢᠮᠵᠢᠶ᠎ᠠ ᠨᠢᠭᠡᠳᠭᠡᠨ ᠥᠷᠭᠡᠳᠭᠡᠭᠦ ᠰᠢᠨ᠎ᠡ ᠭᠥᠭᠵᠢᠯ ᠤᠨ ᠵᠠᠮ ᠡᠷᠢᠯᠬᠢᠯᠡᠨ᠂ | ᠥᠨᠳᠥᠷ ᠪᠠᠷᠢᠮᠵᠢᠶᠠᠳᠤ ᠤᠳᠤᠬᠢᠴᠢᠯᠠᠭᠰᠠᠨ ᠲᠠᠷᠢᠵᠤ ᠲᠡᠵᠢᠭᠡᠭᠦ ᠰᠠᠭᠤᠷᠢᠨ ᠭᠠᠵᠠᠷ ᠢ 30 ᠲᠥᠮᠡᠨ ᠮᠤ᠋ ᠨᠡᠭᠡᠭᠡᠵᠥ᠂ ᠬᠡᠪᠴᠢᠶᠡᠵᠢᠭᠰᠡᠨ ᠡᠵᠡᠩᠨᠡᠯᠳᠡ ᠪᠠᠷ ᠥᠪᠡᠷ ᠤᠨ | ᠥᠷᠳᠡᠭ ᠢ ᠪᠠᠭᠤᠷᠠᠭᠤᠯᠤᠨ᠂ ᠨᠠᠷᠢᠯᠢᠭ ᠬᠠᠮᠢᠶᠠᠷᠤᠯᠳᠠ ᠪᠠᠷ ᠤᠷᠤᠯᠭ᠎ᠠ ᠶᠢ ᠨᠡᠮᠡᠭᠳᠡᠭᠦᠯᠥᠨ᠎ᠡ᠃ ᠠᠵᠤ ᠥᠢᠯᠡᠰ ᠤᠨ ᠪᠥᠳᠥᠴᠠ ᠶᠢ ᠲᠤᠬᠢᠷᠠᠭᠤᠯᠵᠤ ᠰᠢᠨ᠎ᠡ ᠠᠵᠤ | ᠥᠢᠯᠡᠰ ᠰᠢᠨ᠎ᠡ ᠠᠵᠢᠯ ᠲᠥᠷᠥᠯ ᠢ ᠭᠥᠴᠥᠯᠡᠨ ᠭᠥᠭᠵᠢᠭᠦᠯᠵᠥ᠂ ᠴᠢᠨᠠᠷ ᠠᠯᠳᠠᠷᠰᠢᠯ᠂ ᠪᠤᠯᠪᠠᠰᠤᠷᠠᠭᠤᠯᠤᠯᠳᠠ ᠪᠤᠭᠤᠳᠠᠯᠯᠠᠯᠳᠠ ᠪᠠ ᠪᠤᠳᠠᠰ ᠤᠨ ᠭᠥᠢᠯᠭᠡᠭᠡ ᠭᠤᠷᠪᠠᠨ | ᠭᠤᠭᠴᠤᠭ᠎ᠠ ᠪᠠᠷ ᠥᠨ᠎ᠡ ᠥᠷᠳᠡᠭ ᠥᠰᠭᠡᠵᠥ᠂ ᠥᠨ᠎ᠡ ᠬᠠᠩᠰᠢ ᠶᠢᠨ ᠨᠡᠮᠡᠭᠳᠡᠯ ᠢ ᠪᠠᠳᠤᠯᠠᠨ᠎ᠠ︔ ᠰᠡᠯᠡᠭᠦᠴᠡᠯ ᠵᠢᠭᠤᠯᠴᠢᠯᠠᠯ᠂ ᠥᠢᠯᠡᠳᠪᠥᠷᠢᠯᠡᠯ ᠪᠤᠷᠤᠯᠠᠭᠤᠯᠤᠯᠳᠠ᠂ | ᠬᠡᠷᠡᠭᠯᠡᠭᠡ ᠤᠶᠢᠯᠠᠭᠠᠯᠳᠠ᠂ ᠰᠥᠯᠵᠢᠶᠡᠨ ᠬᠤᠳᠠᠯᠳᠤᠭ᠎ᠠ ᠵᠡᠷᠭᠡ ᠪᠠᠷ ᠲᠠᠮᠵᠢᠭᠤᠯᠤᠨ ᠬᠠᠩᠭᠠᠯᠠᠭ᠎ᠠ ᠶᠢ ᠰᠢᠯᠤᠭᠤᠳᠬᠠᠨ᠎ᠠ᠃ ᠴᠢᠬᠤᠯᠠ ᠵᠥᠢᠯ ᠪᠤᠯᠤᠨ ᠪᠡᠶᠡᠴᠢ | ᠴᠤᠭᠴᠠ ᠶᠢ ᠲᠠᠶᠢᠴᠢᠯᠠᠨ ᠭᠥᠳᠡᠯᠭᠡᠵᠥ᠂ ᠮᠠᠯᠵᠢᠬᠤ ᠲᠠᠷᠢᠶᠠᠯᠠᠬᠤ ᠤᠷᠤᠨ ᠤ ᠡᠬᠢ ᠰᠤᠷᠪᠤᠯᠵᠢ ᠨᠤᠭᠤᠳ ᠢ ᠢᠳᠡᠪᠬᠢᠯᠡᠭᠦᠯᠵᠤ ᠠᠰᠢᠭᠯᠠᠨ᠂ ︽ᠭᠤᠷᠪᠡᠨ ᠡᠷᠭᠡ ᠶᠢᠨ | ᠲᠤᠰᠠᠭᠠᠷᠯᠠᠯ︾ ᠢ ᠭᠥᠨᠵᠡᠭᠡᠶᠢᠷᠡᠭᠦᠯᠵᠥ᠂ ᠥᠮᠴᠢᠯᠡᠯ ᠤᠨ ᠡᠷᠭᠡ ᠶᠢᠨ ᠲᠥᠷᠢᠮ ᠤᠨ ᠥᠭᠡᠷᠡᠴᠢᠯᠡᠯᠳᠡ ᠶᠢ ᠲᠥᠷᠭᠡᠳᠭᠡᠨ᠂ ᠮᠠᠯᠴᠢᠨ ᠲᠠᠷᠢᠶᠠᠴᠢᠳ ᠤᠨ ᠬᠤᠪᠢ | ᠤᠷᠤᠬᠤ᠂ ᠪᠠᠷᠢᠴᠠᠭ᠎ᠠ ᠲᠠᠯᠪᠢᠬᠤ᠂ ᠲᠥᠷᠢᠶᠡᠰᠤᠯᠠᠭᠦ᠂ ᠬᠤᠯᠪᠤᠭᠠᠯᠠᠨ ᠡᠵᠡᠩᠨᠡᠭᠦ ᠵᠡᠷᠭᠡ ᠤᠯᠠᠨ ᠠᠷᠭ᠎ᠠ ᠪᠠᠷ ᠡᠵᠡᠩᠨᠡᠯᠳᠡ ᠶᠢᠨ ᠡᠷᠭᠡ ᠪᠠᠨ ᠰᠢᠯᠵᠢᠭᠦᠯᠭᠦ ᠶᠢ | ᠵᠤᠷᠢᠭᠵᠢᠭᠤᠯᠤᠨ ᠵᠢᠯᠤᠭᠤᠳᠴᠤ᠂ ᠡᠬᠢ ᠰᠤᠷᠪᠤᠯᠵᠢ ᠶᠢ ᠡᠳ᠋ ᠭᠥᠷᠥᠩᠭᠡ ᠪᠤᠯᠭᠠᠬᠤ᠂ ᠪᠡᠯᠡ ᠮᠥᠩᠭᠦ ᠶᠢ ᠬᠤᠪᠢ ᠰᠲ᠋ᠤᠺ ᠬᠤᠪᠢᠯᠭᠠᠬᠤ᠂ ᠮᠠᠯᠴᠢᠨ ᠲᠠᠷᠢᠶᠠᠴᠢᠳ ᠢ | ᠬᠤᠪᠢ ᠤᠷᠤᠭᠤᠯᠤᠭᠴᠢ ᠥᠮᠴᠢᠳᠠᠨ ᠪᠤᠯᠭᠠᠨ᠎ᠠ᠃ 2022 ᠤᠨ ᠪᠤᠯᠬᠤ ᠳᠤ᠂ ᠪᠥᠭᠦ ᠬᠤᠰᠢᠭᠤᠨ ᠤ ᠮᠠᠯ ᠲᠠᠷᠢᠶᠠᠯᠠᠩ ᠤᠨ ᠠᠵᠤ ᠥᠢᠯᠡᠰᠵᠢᠯᠳᠠ ᠶᠢᠨ ᠤᠷᠤᠯᠭ᠎ᠠ | ᠶᠢᠨ ᠬᠠᠷᠢᠴᠠᠯ ᠢ 75% ᠳᠤ ᠭᠥᠷᠭᠡᠨ᠂ ᠮᠠᠯᠴᠢᠨ ᠲᠠᠷᠢᠶᠠᠴᠢᠳ ᠤᠨ ᠬᠥᠮᠥᠨ ᠲᠤᠳᠤᠮ ᠤᠨ ᠡᠵᠡᠮᠳᠡᠵᠥ ᠪᠤᠯᠬᠤ ᠤᠷᠤᠯᠭ᠎ᠠ ᠶᠢ 3 ᠲᠥᠮᠡᠨ ᠲᠥᠭᠦᠷᠢᠭ ᠠᠴᠠ | ᠲᠠᠪᠠᠭᠤᠯᠤᠨ᠎ᠠ᠃ ︽ᠪᠠᠶᠢᠷᠢᠰᠢᠭᠤᠯᠤᠯᠳᠠ ᠲᠤᠬᠢᠯᠢᠭ᠂ ᠤᠷᠴᠢᠨ ᠲᠤᠬᠢᠯᠢᠭ᠂ ᠰᠤᠷᠳᠠᠯ ᠲᠤᠬᠢᠯᠢᠭ᠂ ᠠᠮᠢᠳᠤᠷᠠᠯ ᠲᠤᠬᠢᠯᠢᠭ︾ ᠭᠠᠴᠠᠭ᠎ᠠ ᠲᠤᠰᠬᠤᠨ ᠤ | ᠴᠤᠭᠴᠠᠯᠠᠯᠳᠠ ᠪᠠᠷ ᠲᠠᠮᠵᠢᠭᠤᠯᠤᠨ ᠮᠠᠯᠵᠢᠬᠤ ᠲᠠᠷᠢᠶᠠᠯᠠᠬᠤ ᠤᠷᠤᠨ ᠤ ᠡᠪ ᠲᠤᠬᠢᠯᠢᠭ ᠡᠩᠭᠡ ᠲᠤᠭᠳᠠᠭᠤᠨ ᠢ ᠪᠠᠳᠤᠯᠠᠨ᠎ᠠ᠃ ᠤᠯᠠᠨ ᠨᠡᠶᠢᠳᠡ ᠶᠢᠨ ᠥᠢᠯᠡᠴᠢᠯᠡᠭᠡ᠂ | ᠴᠢᠳᠠᠮᠵᠢ ᠲᠥᠭᠦᠷᠴᠢᠯᠡᠭᠡ ᠶᠢ ᠮᠠᠯᠵᠢᠬᠤ ᠲᠠᠷᠢᠶᠠᠯᠠᠬᠤ ᠤᠷᠤᠨ ᠳᠤ ᠬᠠᠨᠳᠤᠭᠤᠯᠤᠨ ᠤᠯᠠᠮ ᠢᠶᠠᠷ ᠪᠥᠷᠢᠨᠰᠢᠭᠦᠯᠵᠥ᠂ ᠥᠵᠡᠰᠭᠦᠯᠡᠩᠳᠤ ᠰᠠᠶᠢᠬᠠᠨ ᠭᠥᠳᠡᠭᠡ ᠨᠤᠳᠤᠭ | ᠤᠨ ᠴᠤᠭᠴᠠᠯᠠᠯᠳᠠ ᠶᠢ ᠲᠡᠰ ᠲᠠᠪᠰᠢᠭᠤᠯᠤᠨ᠎ᠠ᠃ ᠪᠠᠯᠭᠠᠰᠤ ᠭᠠᠴᠠᠭ᠎ᠠ᠂ ᠬᠤᠳᠠ ᠭᠥᠳᠡᠭᠡ ᠶᠢᠨ ᠴᠤᠭᠴᠠᠵᠢᠭᠰᠠᠨ ᠭᠥᠭᠵᠢᠯᠳᠡ ᠵᠤᠬᠢᠴᠠᠯᠳᠤ ᠪᠠᠶᠢᠭᠤᠯᠤᠯᠳᠠ ᠶᠢ | ᠠᠬᠢᠭᠤᠯᠤᠨ᠂ ︽ᠪᠠᠶᠢᠷᠢᠰᠢᠭᠤᠯᠤᠯᠳᠠ ᠲᠤᠬᠢᠯᠢᠭ︾ ᠢ ᠪᠠᠳᠤᠯᠠᠨ᠎ᠠ︔ ᠥᠵᠡᠰᠭᠦᠯᠡᠩᠳᠤ ᠭᠥᠳᠡᠭᠡ ᠨᠤᠳᠤᠭ ᠤᠨ ᠪᠠᠶᠢᠭᠤᠯᠤᠯᠳᠠ ᠶᠢᠨ ᠥᠷᠭᠦᠯᠵᠢᠯᠡᠯ ᠥᠷ᠎ᠡ ᠠᠰᠢᠭ | ᠢ ᠭᠥᠢᠴᠡᠳ ᠪᠠᠳᠠᠷᠠᠭᠤᠯᠵᠤ᠂ ᠥᠢᠯᠡᠳᠪᠥᠷᠢᠯᠡᠯ ᠠᠮᠢ ᠠᠬᠤᠢ ᠬᠢᠭᠡᠳ ᠤᠶᠢᠵᠢᠭᠤᠯᠤᠯᠳᠠ ᠭᠤᠶᠤᠵᠢᠭᠤᠯᠤᠯᠳᠠ ᠶᠢ ᠴᠢᠩᠭᠠᠳᠬᠠᠨ᠂ ᠭᠠᠴᠠᠭ᠎ᠠ ᠲᠤᠰᠬᠤᠨ᠂ ᠪᠡᠯᠴᠢᠭᠡᠷ | ᠭᠥᠳᠡᠭᠡ᠂ ᠵᠠᠮ ᠬᠠᠷᠭᠤᠢ ᠶᠢᠨ ᠴᠠᠪᠡᠷ ᠠᠷᠢᠭᠤᠨ ᠢ ᠪᠠᠳᠤᠯᠠᠵᠤ᠂ ︽ᠤᠷᠴᠢᠨ ᠲᠤᠬᠢᠯᠢᠭ︾ ᠢ ᠪᠠᠳᠤᠯᠠᠨ᠎ᠠ︔ ᠭᠠᠴᠠᠭ᠎ᠠ ᠲᠤᠰᠬᠤᠨ ᠤ ᠭᠡᠰᠢᠭᠦᠳ ᠤᠨ ᠥᠪᠡᠷᠳᠡᠭᠡᠨ | ᠵᠠᠰᠠᠬᠤ ᠬᠠᠮᠢᠶᠠᠷᠤᠯᠳᠠ ᠶᠢ ᠠᠬᠢᠭᠤᠯᠤᠨ᠂ ᠰᠤᠶᠤᠯ ᠪᠤᠯᠪᠠᠰᠤᠷᠠᠯ ᠢ ᠰᠤᠷᠳᠠᠯᠴᠢᠯᠠᠨ᠂ ᠠᠷᠠᠳ ᠤᠯᠠᠨ ᠤ ᠤᠶᠤᠨ ᠤ ᠠᠮᠢᠳᠤᠷᠠᠯ ᠤᠨ ᠴᠡᠩᠭᠡᠯ ᠪᠠᠶᠠᠷ ᠢ | ᠴᠢᠬᠤᠯᠠᠴᠢᠯᠠᠵᠤ᠂ ᠵᠥᠷᠢᠴᠡᠯ ᠵᠢᠭᠤᠷᠭᠠᠨ ᠢ ᠪᠠᠭᠠᠰᠬᠠᠨ᠂ ︽ᠰᠤᠷᠳᠠᠯ ᠲᠤᠬᠢᠯᠢᠭ︾ ᠢ ᠪᠠᠳᠤᠯᠠᠨ᠎ᠠ︔ ᠠᠵᠤ ᠥᠢᠯᠡᠰ ᠭᠠᠴᠠᠭ᠎ᠠ ᠲᠤᠰᠬᠤᠨ ᠬᠤᠷᠰᠢᠭᠰᠠᠨ ᠲᠥᠷᠥ | ᠶᠢᠨ ᠪᠤᠳᠤᠯᠭ᠎ᠠ ᠶᠢᠨ ᠲᠡᠮᠵᠢᠯᠭᠡ ᠶᠢ ᠴᠢᠩᠭᠠᠳᠬᠠᠨ᠂ ᠭᠠᠴᠠᠭ᠎ᠠ ᠲᠤᠰᠬᠤᠨ ᠤ ᠨᠡᠶᠢᠳᠡ ᠶᠢᠨ ᠠᠵᠤ ᠠᠬᠤᠢ ᠶᠢᠨ ᠤᠷᠤᠯᠭ᠎ᠠ ᠶᠢᠨ ᠴᠢᠳᠠᠪᠤᠷᠢ ᠶᠢ ᠰᠠᠶᠢᠵᠢᠷᠠᠭᠤᠯᠵᠤ᠂ | ᠮᠠᠯᠴᠢᠨ ᠲᠠᠷᠢᠶᠠᠴᠢᠳ ᠤᠨ ᠠᠵᠤ ᠥᠢᠯᠡᠰ ᠤᠨ ᠭᠡᠯᠬᠢᠶᠡᠵᠢᠯ ᠲᠡᠭᠡᠷᠡᠬᠢ ᠤᠷᠤᠯᠭ᠎ᠠ ᠥᠰᠭᠦ ᠪᠤᠯᠤᠯᠴᠠᠭ᠎ᠠ ᠪᠠᠶᠢᠳᠠᠯ ᠢ ᠨᠡᠮᠡᠭᠳᠡᠭᠦᠯᠥᠨ᠂ ︽ᠠᠮᠢᠳᠤᠷᠠᠯ ᠲᠤᠬᠢᠯᠢᠭ︾ ᠢ | ᠪᠠᠳᠤᠯᠠᠨ᠎ᠠ᠃ ︽ᠮᠠᠯ ᠲᠠᠷᠢᠶᠠᠯᠠᠩ ᠤᠨ ᠪᠤᠰᠤ︾ ᠠᠷᠭ᠎ᠠ ᠠᠪᠴᠠᠯ ᠢᠶᠠᠷ ᠮᠠᠯᠴᠢᠨ ᠲᠠᠷᠢᠶᠠᠴᠢᠳ ᠤᠨ ᠬᠡᠪ ᠪᠤᠯᠪᠠᠰᠤᠷᠠᠯ ᠢ ᠲᠡᠭᠡᠭᠰᠢᠯᠡᠭᠦᠯᠥᠨ᠂ ᠢᠳᠡᠭᠡᠯ ᠪᠠᠳᠤ ᠶᠢ ᠨᠢ | ᠴᠢᠩᠭᠠᠳᠬᠠᠨ᠎ᠠ᠃ ᠭᠠᠴᠠᠭ᠎ᠠ ᠲᠤᠰᠬᠤᠨ ᠤ ᠲᠥᠪ ᠲᠤ ᠮᠠᠯᠴᠢᠨ ᠲᠠᠷᠢᠶᠠᠴᠢᠳ ᠤᠨ ᠵᠢᠭᠠᠨ ᠰᠤᠷᠬᠤ ᠥᠷᠳᠡᠭᠡ ᠪᠠᠶᠢᠭᠤᠯᠵᠤ᠂ ᠪᠤᠯᠪᠠᠰᠤᠷᠠᠯ ᠭᠥᠮᠥᠵᠢᠯ᠂ | ᠲᠤᠭᠳᠠᠭᠠᠯᠳᠠ ᠬᠠᠮᠢᠶᠠᠷᠤᠯᠳᠠ ᠪᠤᠯᠤᠨ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ︽ᠭᠤᠷᠪᠠ ᠶᠢ ᠨᠢᠭᠡᠳᠭᠡᠭᠰᠡᠨ︾ ᠪᠤᠯᠪᠠᠰᠤᠷᠠᠯ ᠤᠨ ᠰᠢᠰᠲ᠋ᠧᠮ ᠢ ᠰᠥᠪᠡᠭᠴᠢᠯᠡᠨ | ᠪᠠᠶᠢᠭᠤᠯᠵᠤ᠂ ᠰᠤᠷᠳᠠᠯ ᠮᠡᠷᠭᠡᠵᠢᠯ ᠴᠢᠳᠠᠪᠤᠷᠢ ᠲᠤᠭᠠᠴᠠᠭ᠎ᠠ ᠲᠠᠢ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠤᠨ ᠡᠩᠨᠡᠭᠡ ᠶᠢ ᠴᠤᠭᠴᠠᠯᠠᠨ᠂ ᠮᠠᠯᠴᠢᠨ | ᠲᠠᠷᠢᠶᠠᠴᠢᠳ ᠢ ᠵᠢᠯᠤᠭᠤᠳᠤᠨ ᠠᠮᠢ ᠠᠬᠤᠢ᠂ ᠤᠰᠤᠨ ᠰᠤᠷᠪᠤᠯᠵᠢ᠂ ᠠᠰᠢᠭ ᠤᠷᠤᠯᠭ᠎ᠠ ᠶᠢᠨ ᠲᠠᠩᠰᠠ ᠲᠤᠭᠠᠴᠠᠬᠤ ᠶᠢ ᠤᠨᠴᠠᠯᠠᠨ ᠴᠢᠩᠭᠠᠳᠬᠠᠵᠤ᠂ | ᠡᠷᠴᠢᠮᠵᠢᠭᠦᠯᠥᠨ ᠭᠥᠭᠵᠢᠭᠦᠯᠭᠦ ᠶᠢᠨ ᠥᠪᠡᠷ ᠤᠨ ᠤᠬᠠᠮᠰᠠᠷ ᠢ ᠨᠢ ᠴᠢᠩᠭᠠᠳᠬᠠᠨ᠎ᠠ᠃ ᠲᠤᠤᠷ ᠰᠥᠯᠵᠢᠶ᠎ᠡ ᠪᠤᠯᠤᠨ ᠸᠢᠴᠠᠲ ᠵᠡᠷᠭᠡ ᠰᠢᠨ᠎ᠡ ᠵᠠᠭᠤᠴᠢᠯᠠᠭᠤᠷ ᠢ | ᠠᠰᠢᠭᠯᠠᠨ ᠮᠠᠯ ᠲᠠᠷᠢᠶᠠᠯᠠᠩ ᠤᠨ ᠥᠢᠯᠡᠰ ᠤᠨ ᠵᠠᠬ᠎ᠠ ᠲᠡᠯᠭᠡᠭᠦᠷ ᠤᠨ ᠰᠤᠷᠠᠭ ᠵᠠᠩᠬᠢ ᠶᠢᠨ ᠬᠠᠮᠳᠤ ᠡᠳ᠋ᠯᠡᠯᠳᠡ ᠶᠢ ᠲᠠᠶᠠᠭᠠᠷᠴᠢᠯᠠᠵᠤ᠂ ᠮᠠᠯᠴᠢᠨ ᠲᠠᠷᠢᠶᠠᠴᠢᠳ ᠤᠨ | ᠵᠠᠬ᠎ᠠ ᠲᠡᠯᠭᠡᠭᠦᠷ ᠲᠤ ᠴᠢᠭᠯᠡᠭᠦᠯᠥᠨ ᠠᠵᠤ ᠥᠢᠯᠡᠳᠪᠥᠷᠢᠯᠡᠯ ᠢᠶᠠᠨ ᠲᠤᠬᠢᠷᠠᠭᠤᠯᠬᠤ ᠴᠢᠳᠠᠪᠤᠷᠢ ᠶᠢ ᠲᠡᠭᠡᠭᠰᠢᠯᠡᠭᠦᠯᠥᠨ᠎ᠡ᠃ ᠢᠳᠡᠭᠡᠯ ᠪᠠᠳᠤ ᠶᠢᠨ ᠲᠡᠰ ᠵᠡᠷᠭᠡ ᠶᠢ | ᠲᠥᠷᠥᠯ ᠵᠥᠢᠯ ᠲᠤᠬᠢᠷᠠᠭᠤᠯᠬᠤ ᠪᠠ ᠲᠥᠷᠥ ᠶᠢᠨ ᠪᠤᠳᠤᠯᠭ᠎ᠠ ᠪᠠᠷ ᠬᠠᠷᠠᠭᠠᠯᠵᠠᠬᠤ ᠵᠡᠷᠭᠡ ᠠᠵᠢᠯ ᠲᠠᠢ ᠵᠤᠬᠢᠬᠤ ᠭᠡᠮᠵᠢᠶ᠎ᠡ ᠪᠠᠷ ᠬᠤᠯᠪᠤᠨ ᠠᠰᠢᠭᠯᠠᠵᠤ᠂ ᠢᠳᠡᠭᠡᠯ ᠢ | ᠭᠥᠭᠢᠭᠦᠯᠥᠨ ᠪᠤᠰᠤᠷᠮᠠᠭ ᠢ ᠬᠥᠯᠢᠶᠡᠰᠥᠯᠡᠭᠦ ᠲᠤᠭᠳᠡᠴᠠ ᠪᠥᠷᠢᠯᠳᠤᠭᠦᠯᠵᠥ᠂ ᠮᠠᠯᠴᠢᠨ ᠲᠠᠷᠢᠶᠠᠴᠢᠳ ᠤᠨ ᠢᠳᠠᠭᠡᠮᠵᠢ ᠶᠢᠨ ᠤᠬᠠᠮᠰᠠᠷ ᠢ ᠴᠢᠩᠭᠠᠳᠬᠠᠨ᠎ᠠ᠃ ᠵᠠᠬ᠎ᠠ | ᠲᠡᠯᠭᠡᠭᠦᠷ ᠬᠢᠭᠡᠳ ᠲᠠᠸᠠᠷ ᠤᠨ ᠬᠡᠷᠡᠭᠴᠡᠭᠡᠨ ᠤ ᠬᠤᠪᠢᠷᠠᠯᠳᠠ ᠶᠢ ᠰᠠᠶᠢᠳᠤᠷ ᠰᠤᠳᠤᠯᠵᠤ᠂ ᠵᠠᠬ᠎ᠠ ᠲᠡᠯᠭᠡᠭᠦᠷ ᠲᠤ ᠭᠥᠨᠵᠡᠭᠡᠶᠢᠷᠡᠨ ᠰᠤᠷᠠᠭ ᠵᠠᠩᠬᠢ ᠴᠤᠭᠯᠠᠭᠤᠯᠤᠭᠴᠢ | ᠨᠢᠭᠡ ᠪᠥᠯᠥᠭ ᠴᠢᠳᠠᠪᠥᠷᠢᠳᠡᠳ ᠢ ᠭᠥᠮᠥᠵᠢᠭᠦᠯᠵᠥ᠂ ᠮᠠᠯᠴᠢᠨ ᠲᠠᠷᠢᠶᠠᠴᠢᠳ ᠤᠨ ᠵᠠᠬ᠎ᠠ ᠲᠡᠯᠭᠡᠭᠦᠷ ᠲᠤ ᠬᠠᠨᠳᠤᠬᠤ ᠶᠢᠨ ︽ᠲᠥᠯᠥᠭᠡᠨ ᠤ ᠭᠥᠮᠥᠨ︾ ᠪᠤᠯᠭᠠᠨ᠂ | ᠮᠠᠯᠴᠢᠨ ᠲᠠᠷᠢᠶᠠᠴᠢᠳ ᠤᠨ ᠲᠠᠷᠢᠵᠤ ᠲᠡᠵᠢᠭᠡᠭᠦ ᠶᠢᠨ ᠪᠥᠳᠥᠴᠡ ᠶᠢᠨ ᠲᠤᠬᠢᠷᠠᠭᠤᠯᠤᠯ ᠢ ᠵᠢᠯᠤᠭᠤᠳᠤᠭᠤᠯᠤᠨ᠎ᠠ︔ ᠮᠠᠯ ᠲᠠᠷᠢᠶᠠᠯᠠᠩ ᠤᠨ ᠮᠡᠷᠭᠡᠵᠢᠯ | ᠲᠥᠭᠡᠮᠡᠯᠵᠢᠭᠦᠯᠥᠯᠳᠡ ᠶᠢᠨ ᠥᠢᠯᠡᠴᠢᠯᠡᠭᠡ ᠶᠢᠨ ᠰᠢᠰᠲ᠋ᠧᠮ ᠢ ᠴᠢᠩᠭᠠᠳᠬᠠᠨ᠂ ᠮᠡᠷᠭᠡᠵᠢᠯ ᠤᠨ ᠲᠥᠷᠭᠡᠨ ᠲᠠᠮᠵᠢᠯᠠᠭᠠ ᠶᠢᠨ ᠪᠥᠰᠡ ᠴᠤᠭᠴᠠᠯᠠᠵᠤ᠂ ᠨᠢᠭᠡ ᠪᠥᠯᠥᠭ | ᠲᠤᠰᠬᠠᠢ ᠮᠡᠷᠭᠡᠵᠢᠯᠳᠡᠨ ᠭᠥᠮᠥᠵᠢᠭᠦᠯᠥᠨ᠂ ᠤᠷᠤᠨ ᠨᠤᠳᠤᠭ ᠤᠨ ᠴᠢᠳᠠᠪᠤᠷᠢᠳᠠᠳ ᠢ ᠲᠡᠮᠵᠢᠨ ᠬᠠᠯᠠᠮᠵᠢᠯᠠᠨ᠎ᠠ᠃ | ︽ᠲᠥᠷᠥᠯ ᠵᠥᠢᠯ ᠢᠶᠠᠷ ᠰᠢᠪᠳᠤᠯᠬᠤ︾ ᠠᠵᠢᠯᠯᠠᠭ᠎ᠠ ᠶᠢ ᠭᠡᠷᠡᠭᠵᠢᠭᠦᠯᠥᠨ᠂ ᠠᠵᠤ ᠥᠢᠯᠡᠳᠪᠥᠷᠢ ᠶᠢᠨ ᠠᠵᠤ ᠠᠬᠤᠢ ᠶᠢᠨ ᠭᠥᠴᠥᠷᠭᠡᠭᠵᠢᠯ ᠢ | ᠠᠬᠢᠭᠤᠯᠤᠨ᠎ᠠ᠃ ᠲᠤᠮᠤ ᠲᠥᠷᠥᠯ ᠵᠥᠢᠯ ᠢᠶᠠᠷ ᠲᠤᠯᠭᠠᠭᠤᠷᠢᠯᠠᠬᠤ ᠪᠠ ᠰᠥᠷᠥᠭᠵᠢᠯ ᠭᠥᠭᠵᠢᠯᠳᠡ ᠶᠢ ᠪᠠᠷᠢᠮᠳᠠᠯᠠᠨ᠂ ᠤᠯᠠᠨ ᠡᠰᠢᠳᠤ ᠭᠥᠭᠵᠢᠯᠳᠡ ᠲᠠᠢ | ᠲᠤᠯᠭᠠᠭᠤᠷᠢᠯᠠᠯ ᠠᠵᠤ ᠥᠢᠯᠡᠰ ᠤᠨ ᠰᠢᠰᠲ᠋ᠧᠮ ᠪᠥᠷᠢᠯᠳᠥᠭᠦᠯᠵᠥ᠂ 2022 ᠤᠨ ᠪᠤᠯᠬᠤ ᠳᠤ ᠠᠵᠤ ᠥᠢᠯᠡᠳᠪᠥᠷᠢ ᠶᠢᠨ ᠥᠢᠯᠡᠳᠪᠥᠷᠢᠯᠡᠯ ᠤᠨ ᠶᠡᠷᠥᠩᠭᠡᠢ ᠥᠷᠳᠡᠭ | ᠢ 500 ᠳ᠋ᠥᠩᠰᠢᠭᠤᠷ ᠲᠥᠭᠦᠷᠢᠭ ᠲᠤ ᠭᠥᠷᠭᠡᠨ᠎ᠡ᠃ ᠲᠤᠮᠤ ᠲᠥᠷᠥᠯ ᠵᠥᠢᠯ ᠢᠶᠠᠷ ᠠᠵᠤ ᠠᠬᠤᠶᠢᠯᠠᠯ ᠤᠳ ᠢ ᠬᠤᠷᠠᠭᠤᠯᠵᠤ᠂ ᠪᠤᠳᠠᠳᠤ ᠴᠤᠭᠴᠠ ᠶᠢᠨ ᠠᠵᠤ | ᠠᠬᠤᠢ ᠶᠢ ᠪᠤᠵᠠᠭᠠᠶᠢᠷᠠᠭᠤᠯᠤᠨ ᠭᠥᠭᠵᠢᠭᠦᠯᠥᠨ᠎ᠡ᠃ ᠠᠵᠤ ᠥᠢᠯᠡᠰ ᠤᠨ ᠭᠥᠭᠵᠢᠯᠳᠡ ᠶᠢᠨ ᠵᠢᠮ᠎ᠡ ᠶᠤᠰᠤ ᠶᠢ ᠡᠵᠡᠮᠳᠡᠨ᠂ ᠵᠠᠰᠠᠭ ᠵᠠᠬᠢᠷᠭᠠᠨ ᠤ ᠠᠬᠢᠭᠤᠯᠤᠯᠳᠠ ᠪᠠ | ᠵᠠᠬ᠎ᠠ ᠲᠡᠯᠭᠡᠭᠦᠷ ᠤᠨ ᠤᠷᠤᠭᠰᠢᠯᠠᠯᠳᠠ ᠶᠢᠨ ︽ᠬᠤᠶᠠᠷ ᠵᠠᠮ ᠤᠨ ᠲᠠᠪᠰᠢᠯᠳᠠ︾ ᠶᠢ ᠪᠠᠷᠢᠮᠳᠠᠯᠠᠵᠤ᠂ ᠠᠷᠠᠯᠵᠢᠶᠠᠴᠢᠨ ᠤᠷᠢᠬᠤ ᠵᠠᠮ ᠮᠥᠷ ᠢ ᠰᠢᠯᠤᠭᠤᠳᠬᠠᠨ᠂ | ᠭᠤᠤᠯᠳᠠᠯᠭᠠᠳᠤ ᠠᠵᠤ ᠥᠢᠯᠡᠰ ᠪᠤᠯᠤᠨ ᠠᠵᠤ ᠠᠬᠤᠶᠢᠯᠠᠯ ᠤᠳ ᠤᠨ ᠲᠤᠭᠤᠷᠢᠨ ᠳᠤ ᠨᠢᠭᠡ ᠪᠥᠯᠥᠭ ᠠᠵᠤ ᠥᠢᠯᠡᠰ ᠲᠤ ᠴᠢᠩᠭᠠᠳᠬᠠᠬᠤ ᠨᠥᠭᠦᠪᠥᠷᠢᠯᠡᠭᠦ | ᠤᠷᠳᠤᠰᠬᠠᠬᠤ ᠴᠢᠳᠠᠪᠤᠷᠢ ᠪᠥᠭᠦᠢ ᠲᠥᠷᠥᠯ ᠵᠥᠢᠯ ᠢ ᠢᠳᠡᠪᠬᠢᠳᠡᠢ ᠤᠷᠢᠨ ᠤᠷᠤᠭᠤᠯᠤᠨ᠎ᠠ᠃ ᠢᠨᠲ᠋ᠧᠷ ᠰᠥᠯᠵᠢᠶ᠎ᠡ᠂ ᠨᠡᠶᠢᠳᠭᠡᠯ ᠲᠤᠭ᠎ᠠ ᠪᠠᠷᠢᠮᠳᠠ ᠪᠤᠯᠤᠨ ᠪᠤᠳᠠᠳᠤ | ᠴᠤᠭᠴᠠ ᠶᠢᠨ ᠠᠵᠤ ᠠᠬᠤᠢ ᠶᠢ ᠭᠥᠨᠵᠡᠭᠡᠢ ᠠᠭᠤᠰᠤᠯᠴᠠᠭᠤᠯᠵᠤ᠂ ᠪᠤᠬᠢᠷᠳᠤᠯ ᠥᠭᠡᠢ ᠬᠤᠷᠤᠭᠳᠠᠯ ᠪᠠᠭᠠᠳᠠᠢ ᠪᠠ ᠬᠠᠮᠳᠤ ᠡᠳ᠋ᠯᠡᠭᠦ ᠠᠵᠤ ᠠᠬᠤᠢ ᠵᠡᠷᠭᠡ ᠭᠥᠷᠢᠶ᠎ᠡ | ᠬᠡᠪᠴᠢᠶᠡᠨ ᠳᠤ ᠰᠢᠨ᠎ᠡ ᠨᠡᠮᠡᠭᠳᠡᠯᠳᠡ ᠶᠢᠨ ᠴᠡᠭ ᠪᠤᠶᠢᠵᠢᠭᠤᠯᠤᠨ᠂ ᠥᠨᠡᠨ ᠭᠦ ᠪᠤᠳᠠᠳᠤ ᠴᠤᠭᠴᠠᠳᠤ ᠡᠵᠡᠩᠨᠡᠯᠳᠡ ᠪᠥᠭᠦᠢ ᠲᠤᠮᠤ ᠲᠥᠷᠥᠯ ᠵᠥᠢᠯ᠂ ᠠᠰᠢᠭᠳᠠᠢ | ᠲᠥᠷᠥᠯ ᠵᠥᠢᠯ ᠢᠶᠠᠷ ᠠᠵᠤ ᠥᠢᠯᠡᠰ ᠤᠨ ᠬᠡᠪᠴᠢᠶ᠎ᠡ ᠶᠢ ᠥᠷᠭᠡᠳᠭᠡᠨ ᠴᠢᠨᠠᠷ ᠢ ᠲᠡᠭᠡᠭᠰᠢᠯᠡᠭᠦᠯᠥᠨ᠎ᠡ᠃ ᠲᠤᠮᠤ ᠲᠥᠷᠥᠯ ᠵᠥᠢᠯ ᠤᠨ ᠤᠷᠤᠨᠵᠢᠯᠳᠠ ᠬᠡᠷᠡᠭᠵᠢᠭᠦᠯᠥᠯᠳᠡ | ᠪᠠᠷ ᠲᠠᠪᠠᠭᠤᠯᠢᠭ ᠠᠵᠤ ᠥᠢᠯᠡᠰ ᠢ ᠲᠡᠰ ᠲᠠᠪᠰᠢᠭᠤᠯᠤᠨ ᠭᠥᠭᠵᠢᠭᠡᠨ᠎ᠡ᠃ ᠨᠠᠶᠢᠳᠠᠪᠤᠷᠢᠳᠠᠢ ᠠᠪᠴᠠᠯ᠂ ᠠᠰᠢᠳᠠᠢ ᠤᠷᠴᠢᠨ ᠢᠶᠠᠷ ᠱᠠᠨᠳᠥ᠋ᠩ ᠤᠨ ᠡᠨᠧᠷᠬᠢ ᠶᠢᠨ | ᠪᠥᠯᠥᠭᠯᠡᠯ ᠤᠨ ᠱᠧᠩ ᠯᠤ᠋ ᠺᠤᠮᠫᠠᠨᠢ᠂ ᠤᠯᠤᠰ ᠤᠨ ᠴᠠᠬᠢᠯᠭᠠᠨ ᠪᠥᠯᠥᠭᠯᠡᠯ ᠤᠨ ᠱᠤᠸᠠᠩ ᠸᠧᠢ ᠺᠤᠮᠫᠠᠨᠢ᠂ ᠤᠮᠠᠷᠠᠳᠤ ᠶᠢᠨ ᠬᠤᠯᠪᠤᠭᠠᠳᠤ ᠴᠠᠬᠢᠯᠭᠠᠨ ᠭᠥᠴᠥᠨ ᠤ | ᠺᠤᠮᠫᠠᠨᠢ ᠪᠤᠯᠤᠨ ᠱᠧᠨ ᠬᠤᠸᠠ ᠶᠢᠨ ᠤᠯᠤᠰ ᠤᠨ ᠡᠨᠧᠷᠬᠢ ᠶᠢᠨ 4 ᠶᠡᠭᠡ ᠴᠠᠬᠢᠯᠭᠠᠨ ᠥᠢᠯᠡᠳᠪᠥᠷᠢ ᠶᠢ ᠴᠥᠮ ᠠᠰᠢᠭᠯᠠᠯᠳᠠ ᠳᠤ ᠤᠷᠤᠭᠤᠯᠵᠤ᠂ ᠨᠡᠭᠦᠷᠡᠰᠤᠨ | ᠴᠠᠬᠢᠯᠭᠠᠨ ᠤ ᠭᠠᠳᠠᠭᠰᠢ ᠭᠥᠷᠭᠡᠯᠳᠡ ᠶᠢᠨ ᠬᠡᠪᠴᠢᠶᠡᠵᠢᠯ ᠢ 800 ᠲᠥᠮᠡᠨ ᠺᠢᠯᠤᠸᠠᠲ ᠭᠥᠷᠥᠭᠦᠯᠥᠨ᠂ 9 ᠰᠠᠭᠤᠷᠢ ᠲᠥᠭᠦᠷᠴᠢᠯᠡᠯᠳᠤ ᠨᠡᠭᠦᠷᠡᠰᠤᠨ ᠠᠭᠤᠷᠬᠠᠢ ᠶᠢ | ᠪᠥᠭᠦᠨ ᠢ ᠥᠢᠯᠡᠳᠪᠥᠷᠢᠯᠡᠯ ᠬᠢᠯᠭᠡᠵᠥ᠂ ᠨᠡᠭᠦᠷᠡᠰᠥᠨ ᠤ ᠵᠢᠯ ᠤᠨ ᠥᠢᠯᠡᠪᠥᠷᠢᠯᠡᠯ ᠤᠨ ᠴᠢᠳᠠᠮᠵᠢ ᠶᠢ 3400 ᠲᠥᠮᠡᠨ ᠲᠤᠨ ᠲᠠᠪᠠᠭᠤᠯᠤᠨ᠂ ᠲᠤᠬᠠᠢ ᠶᠢᠨ ᠭᠠᠵᠠᠷ | ᠲᠤ ᠨᠢ ᠬᠤᠪᠢᠷᠠᠭᠤᠯᠬᠤ ᠨᠤᠷᠮ᠎ᠠ ᠶᠢ 90% ᠥᠩᠭᠡᠷᠡᠭᠦᠯᠵᠥ᠂ ᠨᠡᠭᠦᠷᠡᠰᠤ ᠴᠠᠬᠢᠯᠭᠠᠨ ᠤ ᠬᠤᠯᠪᠤᠭᠠᠳᠤ ᠡᠵᠡᠩᠨᠡᠯᠳᠡ ᠶᠢᠨ ᠴᠤᠭᠴᠠᠵᠢᠭᠰᠠᠨ ᠭᠥᠭᠵᠢᠯᠳᠡ ᠶᠢᠨ | ᠲᠤᠭᠳᠠᠯᠴᠠᠭ᠎ᠠ ᠶᠢ ᠪᠥᠷᠢᠳᠥᠭᠦᠯᠥᠨᠡ᠃ ᠬᠤᠸᠠ ᠰᠢᠩ ᠤᠨ 40 ᠳ᠋ᠥᠩᠰᠢᠭᠤᠷ ᠺᠥᠪ ᠮᠧᠲᠷ ᠤᠨ ᠨᠡᠭᠦᠷᠡᠰᠥᠨ ᠬᠡᠢ ᠶᠢᠨ ᠲᠥᠷᠥᠯ ᠵᠥᠢᠯ ᠪᠠ 60 ᠲᠥᠮᠡᠨ ᠲᠤᠨ | ᠤ ᠨᠡᠭᠦᠷᠡᠰᠥ ᠪᠠᠷ ᠠᠯᠺᠧᠨ ᠥᠢᠯᠡᠳᠭᠦ ᠲᠥᠷᠥᠯ ᠵᠥᠢᠯ ᠢ ᠠᠰᠢᠭᠯᠠᠯᠳᠠ ᠳᠤ ᠤᠷᠤᠭᠤᠯᠵᠤ᠂ ᠨᠡᠭᠦᠷᠡᠰᠥᠨ ᠤ ᠭᠥᠨᠵᠡᠭᠡᠢ ᠪᠤᠯᠪᠠᠰᠤᠷᠠᠭᠤᠯᠤᠯᠳᠠ ᠶᠢᠨ ᠥᠢᠯᠡᠳᠪᠥᠷᠢᠯᠡᠯ | ᠤᠨ ᠬᠡᠯᠬᠢᠶᠡᠵᠢᠯ ᠢ ᠪᠥᠷᠢᠯᠳᠥᠭᠦᠯᠥᠨ᠂ ᠠᠵᠤ ᠥᠢᠯᠡᠰ ᠢ ᠭᠥᠨᠵᠡᠭᠡᠶᠢᠷᠡᠭᠦᠯᠥᠨ᠂ ᠪᠥᠳᠥᠭᠡᠭᠳᠡᠭᠦᠨ ᠢ ᠨᠠᠷᠢᠯᠢᠭᠵᠢᠭᠤᠯᠵᠤ᠂ ᠤᠯᠤᠰ ᠤᠨ ᠪᠤᠬᠢᠷᠳᠤᠯ ᠥᠭᠡᠢ ᠡᠨᠧᠷᠭᠢ | ᠶᠢᠨ ᠭᠠᠷᠭᠠᠯᠳᠠ ᠶᠢᠨ ᠰᠠᠭᠤᠷᠢᠨ ᠢ ᠴᠤᠭᠴᠠᠯᠠᠨ᠎ᠠ᠃ ᠨᠡᠭᠦᠷᠡᠰᠥᠨ ᠤ ᠪᠤᠰᠤ ᠠᠵᠤ ᠥᠢᠯᠡᠰ ᠢᠶᠠᠷ ᠭᠤᠤᠯᠳᠠᠯᠭ᠎ᠠ ᠪᠤᠯᠭᠠᠵᠤ᠂ ᠠᠵᠤ ᠥᠢᠯᠡᠳᠪᠥᠷᠢ ᠶᠢᠨ ᠠᠵᠤ | ᠠᠬᠤᠢ ᠶᠢ ᠰᠢᠯᠢᠳᠡᠭᠵᠢᠭᠦᠯᠥᠨ ᠲᠡᠰ ᠲᠠᠪᠰᠢᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠠᠵᠤ ᠥᠢᠯᠡᠰ ᠤᠨ ᠤᠷᠤᠨᠵᠢᠯᠳᠠ ᠶᠢ ᠢᠳᠡᠪᠬᠢᠳᠡᠢ | ᠠᠬᠢᠭᠤᠯᠵᠤ᠂ ᠨᠡᠭᠦᠷᠡᠰᠥᠨ ᠤ ᠪᠤᠰᠤ ᠠᠵᠤ ᠥᠢᠯᠡᠰ ᠤᠨ ᠭᠥᠭᠵᠢᠯᠳᠡ ᠶᠢ ᠲᠥᠷᠭᠡᠳᠭᠡᠨ ᠡᠷᠴᠢ ᠭᠥᠴᠥᠨ ᠢ ᠨᠢ ᠪᠥᠷᠢᠯᠳᠥᠭᠦᠯᠥᠨ᠎ᠡ᠃ ᠤᠯᠵᠠᠴᠢ ᠪᠠᠯᠭᠠᠰᠤᠨ ᠤ | ᠶᠡᠷᠥᠩᠭᠡᠶᠢᠯᠡᠭᠰᠡᠨ ᠠᠵᠤ ᠥᠢᠯᠡᠰ ᠤᠨ ᠭᠥᠷᠢᠶᠡᠯᠡᠩ ᠲᠤᠭᠤᠷᠢᠭ ᠲᠤᠮᠳᠠ ᠪᠠᠭ᠎ᠠ ᠵᠢᠵᠢᠭ ᠲᠥᠷᠥᠯ ᠵᠥᠢᠯ ᠤᠨ ᠤᠷᠤᠨᠵᠢᠯᠳᠠ ᠳᠤ ᠰᠢᠪᠳᠤᠯᠤᠯᠳᠠ ᠬᠢᠵᠤ᠂ ᠲᠤᠰᠤ | ᠭᠡᠢ ᠪᠤᠯᠤᠨ ᠥᠷᠭᠡᠳᠭᠡᠯ ᠥᠢᠯᠡᠳᠭᠦᠨ ᠤ ᠥᠢᠯᠡᠰ ᠢᠶᠠᠷ ᠭᠤᠤᠯᠯᠠᠭᠤᠯᠤᠭᠰᠠᠨ ᠲᠡᠭᠡᠳᠤ ᠰᠢᠨᠵᠢᠯᠡᠭᠡ ᠮᠡᠷᠭᠡᠵᠢᠯ᠂ ᠤᠷᠴᠢᠨ ᠬᠠᠮᠭᠠᠯᠠᠯᠳᠠ ᠪᠠ ᠤᠰᠤᠨ ᠤ | ᠬᠤᠷᠤᠭᠠᠯᠳᠠ ᠪᠠᠭ᠎ᠠ ᠲᠠᠢ ᠪᠤᠯᠪᠠᠰᠤᠷᠠᠭᠤᠯᠤᠯᠳᠠ ᠬᠤᠪᠢᠷᠠᠭᠤᠯᠤᠯᠳᠠ ᠶᠢᠨ ᠲᠥᠷᠥᠯ ᠵᠥᠢᠯ ᠢ ᠭᠥᠴᠥᠯᠡᠨ ᠭᠥᠭᠵᠢᠭᠦᠯᠥᠨ᠎ᠡ᠃ ᠱᠠᠩᠬᠠᠢ ᠶᠢᠨ ᠰᠥᠮ᠎ᠡ ᠡᠨᠧᠷᠭᠢ ᠬᠢᠮᠢ | ᠶᠢᠨ ᠰᠠᠭᠤᠷᠢᠨ ᠭᠠᠵᠠᠷ ᠲᠤᠮᠤ ᠲᠥᠷᠥᠯ ᠵᠥᠢᠯ ᠤᠨ ᠪᠠᠶᠢᠭᠤᠯᠤᠯᠳᠠ ᠡᠵᠡᠩᠨᠡᠯᠳᠡ ᠶᠢᠨ ᠲᠤᠭᠤᠷᠢᠨ ᠳᠤ ᠨᠢᠭᠡ ᠰᠢᠷᠢᠰ ᠨᠡᠭᠦᠷᠡᠰᠤ᠂ ᠬᠢᠮᠢ᠂ ᠴᠠᠬᠢᠯᠭᠠᠨ ᠤ ᠮᠠᠰᠢᠨ | ᠲᠤᠨᠤᠭᠯᠠᠯ ᠥᠢᠯᠡᠳᠭᠦ ᠰᠡᠯᠪᠢᠭᠦ ᠲᠥᠭᠦᠷᠴᠢᠯᠡᠭᠰᠡᠨ ᠪᠤᠯᠪᠠᠰᠤᠷᠠᠭᠤᠯᠤᠯ ᠤᠨ ᠲᠥᠷᠥᠯ ᠵᠥᠢᠯ ᠢ ᠤᠷᠤᠭᠤᠯᠵᠤ᠂ ︽ᠲᠠᠪᠳᠠᠨ ᠥᠢᠯᠡᠳᠭᠦ︾ ᠥᠢᠯᠡᠰ ᠢ | ᠰᠢᠪᠳᠤᠯᠤᠯᠳᠠ ᠲᠠᠢ ᠭᠥᠭᠵᠢᠭᠦᠯᠥᠨ᠎ᠡ᠃ ᠪᠠᠶᠢᠭᠠᠯᠢ ᠶᠢᠨ ᠰᠢᠳᠠᠮᠬᠠᠢ ᠭᠡᠢ ᠶᠢᠨ ᠭᠠᠷᠭᠠᠯᠳᠠ ᠶᠢᠨ ᠴᠢᠳᠠᠮᠵᠢ ᠶᠢ ᠤᠯᠠᠮ ᠲᠡᠭᠡᠭᠰᠢᠯᠡᠭᠦᠯᠥᠨ᠂ ᠰᠢᠳᠡᠮᠠᠬᠠᠢ ᠭᠡᠢ | ᠰᠢᠩᠭᠡᠨᠵᠢᠭᠦᠯᠭᠦ ᠲᠥᠷᠥᠯ ᠵᠥᠢᠯ ᠪᠠ ᠲᠥᠭᠦᠷᠴᠢᠯᠡᠭᠰᠡᠨ ᠲᠠᠮᠵᠢᠭᠤᠯᠬᠤ ᠵᠠᠮ ᠬᠤᠭᠤᠯᠠᠢ ᠶᠢᠨ ᠪᠠᠶᠢᠭᠤᠯᠤᠯᠳᠠ ᠶᠢ ᠭᠡᠷᠡᠭᠵᠢᠭᠦᠯᠵᠤ᠂ 2022 ᠤᠨ ᠪᠤᠯᠬᠤ ᠳᠤ | ᠪᠠᠶᠢᠭᠠᠯᠢ ᠶᠢᠨ ᠰᠢᠳᠠᠮᠠᠬᠠᠢ ᠭᠡᠢ ᠶᠢᠨ ᠭᠠᠷᠤᠯᠳᠠ ᠶᠢᠨ ᠭᠡᠮᠵᠢᠶ᠎ᠡ ᠶᠢ 60 ᠳ᠋ᠥᠩᠰᠢᠭᠤᠷ ᠺᠥᠪ ᠮᠧᠲᠷ᠂ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠭᠡᠢ ᠶᠢᠨ | ᠶᠡᠷᠥᠩᠭᠡᠢ ᠬᠡᠪᠴᠢᠶᠡᠵᠢᠯ ᠢ 200 ᠲᠥᠮᠡᠨ ᠲᠤᠨ ᠭᠥᠷᠭᠡᠨ᠎ᠡ᠃ ᠰᠠᠯᠬᠢᠨ ᠴᠠᠬᠢᠯᠭᠠᠨ᠂ ᠨᠠᠷᠠᠨ ᠴᠠᠬᠢᠯᠭᠠᠨ ᠪᠤᠯᠤᠨ ᠠᠮᠢᠳᠤ ᠪᠤᠳᠠᠰ ᠤᠨ ᠰᠤᠷᠪᠤᠯᠵᠢᠳᠤ ᠴᠠᠬᠢᠯᠭᠠᠨ | ᠭᠠᠷᠭᠠᠯᠳᠠ ᠶᠢᠨ ᠰᠢᠨ᠎ᠡ ᠡᠨᠧᠷᠬᠢ ᠨᠦᠭᠦᠳ ᠢ ᠢᠳᠡᠪᠬᠢᠳᠡᠢ ᠭᠥᠭᠵᠢᠭᠦᠯᠵᠤ᠂ ᠴᠠᠬᠢᠯᠭᠠᠨ ᠭᠥᠷᠭᠡᠯᠳᠡ ᠶᠢᠨ ᠵᠠᠮ ᠱᠤᠭᠤᠮ ᠢ ᠠᠰᠢᠭᠯᠠᠨ᠂ ᠰᠢᠨ᠎ᠡ ᠡᠨᠧᠷᠬᠢ ᠶᠢᠨ | ᠭᠠᠳᠠᠭᠰᠢ ᠭᠥᠷᠭᠡᠯᠳᠡ ᠶᠢ ᠠᠬᠢᠭᠤᠯᠵᠤ᠂ 2022 ᠤᠨ ᠪᠤᠯᠬᠤ ᠳᠤ ᠰᠢᠨ᠎ᠡ ᠡᠨᠧᠷᠭᠢ ᠶᠢᠨ ᠮᠠᠰᠢᠨ ᠴᠤᠭᠴᠠᠯᠠᠪᠤᠷᠢ ᠶᠢᠨ ᠶᠡᠷᠥᠩᠭᠡᠢ ᠬᠡᠪᠴᠢᠶᠡᠵᠢᠯ ᠢ 200 ᠲᠥᠮᠡᠨ | ᠺᠢᠯᠤᠸᠠᠲ ᠲᠠᠪᠠᠭᠤᠯᠵᠤ᠂ ᠪᠥᠳᠥᠴᠡ ᠶᠢᠨ ᠴᠢᠨᠠᠷᠳᠤ ᠨᠡᠮᠡᠭᠳᠡᠯ ᠤᠨ ᠰᠢᠨ᠎ᠡ ᠵᠠᠮ ᠮᠥᠷ ᠢ ᠲᠠᠰᠤᠷᠠᠯᠳᠠ ᠥᠭᠡᠢ ᠡᠷᠢᠯᠬᠢᠯᠡᠨ᠂ ᠡᠬᠢ ᠰᠤᠷᠪᠤᠯᠵᠢ ᠳᠤ ᠲᠥᠰᠢᠭᠯᠡᠭᠰᠡᠨ | ᠬᠡᠯᠪᠡᠷᠢ ᠶᠢᠨ ᠠᠵᠤ ᠥᠢᠯᠡᠰ ᠤᠨ ᠬᠢᠵᠠᠭᠠᠷᠯᠠᠯ ᠭᠥᠯᠢᠶᠡᠰᠥᠯᠡᠯ ᠠᠴᠠ ᠠᠯᠬᠤᠮ ᠠᠯᠬᠤᠮ ᠢᠶᠠᠷ ᠮᠤᠯᠳᠤᠷᠠᠨ ᠭᠠᠷᠤᠨ᠎ᠠ᠃ | ︽ᠲᠡᠰ ᠲᠠᠪᠰᠢᠭᠤᠯᠤᠨ ᠴᠢᠨᠠᠷ ᠰᠠᠶᠢᠵᠢᠷᠠᠭᠤᠯᠬᠤ︾ ᠢᠨᠵᠧᠨᠧᠷᠢᠩ ᠢ ᠭᠡᠷᠡᠭᠵᠢᠭᠦᠯᠥᠨ᠂ ᠤᠳᠤ ᠥᠶ᠎ᠡ ᠶᠢᠨ ᠥᠢᠯᠡᠴᠢᠯᠡᠭᠡᠨ ᠤ ᠥᠢᠯᠡᠰ ᠤᠨ | ᠵᠤᠬᠢᠴᠠᠩᠭᠤᠢ ᠭᠥᠭᠵᠢᠯᠳᠡ ᠶᠢ ᠠᠬᠢᠭᠤᠯᠤᠨ᠎ᠠ᠃ ᠨᠤᠳᠤᠭ ᠰᠤᠶᠤᠯ ᠤᠨ ᠪᠠᠭ᠋ᠠᠷᠬᠠᠯ᠂ ᠪᠠᠶᠢᠭᠠᠯᠢ ᠠᠬᠤᠢ ᠶᠢᠨ ᠥᠵᠡᠮᠵᠢ ᠪᠠ ᠥᠪ ᠤᠯᠠᠮᠵᠢᠯᠠᠯ ᠤᠨ ᠰᠤᠳᠤᠨ ᠳᠤ | ᠰᠠᠭᠤᠷᠢᠯᠠᠨ᠂ ᠪᠥᠭᠦ ᠴᠠᠷᠠᠭᠠᠨ ᠤ ᠵᠢᠭᠤᠯᠴᠢᠯᠠᠯ ᠤᠨ ᠠᠭᠤᠰᠤᠯᠴᠠᠯ ᠲᠠᠶᠢᠴᠢᠯᠠᠯ ᠢᠶᠠᠷ ᠤᠳᠤ ᠥᠶ᠎ᠡ ᠶᠢᠨ ᠥᠢᠯᠡᠴᠢᠯᠡᠭᠡᠨ ᠤ ᠥᠢᠯᠡᠰ ᠤᠨ ᠥᠷᠢᠰᠥᠯᠳᠡ ᠳᠤ ᠪᠠᠳᠤ | ᠪᠠᠶᠢᠷᠢ ᠡᠵᠡᠯᠡᠨ᠎ᠡ᠃ ᠪᠥᠭᠦ ᠴᠠᠷᠠᠭᠠᠨ ᠤ ᠵᠢᠭᠤᠯᠴᠢᠯᠠᠯ ᠢ ᠠᠬᠢᠭᠤᠯᠤᠨ ᠲᠡᠰ ᠲᠠᠪᠰᠢᠭᠤᠯᠤᠨ ᠴᠢᠨᠠᠷ ᠰᠠᠶᠢᠵᠢᠷᠠᠭᠤᠯᠤᠨ᠎ᠠ᠃ ᠤᠷᠤᠨ ᠠᠯᠤᠰᠯᠠᠭᠰᠠᠨ ᠵᠢᠭᠤᠯᠴᠢᠯᠠᠯ | ᠤᠨ ᠬᠠᠮᠳᠤᠷᠠᠯ ᠢ ᠰᠢᠨᠡᠴᠢᠯᠡᠵᠥ᠂ ᠨᠢᠩᠰᠢᠶᠠ ᠶᠢᠨ ᠵᠢᠭᠤᠯᠴᠢᠯᠠᠯ ᠤᠨ ᠲᠤᠭᠤᠷᠢᠭ ᠪᠤᠯᠤᠨ ᠲᠤᠷᠭᠠᠨ ᠵᠠᠮ ᠤᠨ ᠵᠢᠭᠤᠯᠴᠢᠯᠠᠯ ᠤᠨ ᠬᠤᠳᠠ ᠪᠠᠯᠭᠠᠰᠤᠨ ᠤ | ᠬᠤᠯᠪᠤᠭᠠᠨ ᠳᠤ ᠰᠠᠨᠠᠭᠠᠴᠢᠯᠠᠭᠠᠳᠠᠢ ᠪᠠᠭᠳᠠᠯᠴᠠᠨ᠂ ᠵᠥᠷᠢᠶᠠᠨᠳᠤ ᠭᠥᠭᠵᠢᠯᠳᠡ ᠪᠤᠯᠤᠨ ᠠᠳᠠᠯᠢ ᠪᠤᠰᠤ ᠰᠤᠶᠤᠯ ᠤᠨ ᠲᠠᠳᠠᠬᠤ ᠭᠥᠴᠥᠨ ᠢ ᠪᠠᠳᠠᠷᠠᠭᠤᠯᠵᠤ᠂ | ᠵᠢᠭᠤᠯᠴᠢᠯᠠᠯ ᠤᠨ ᠶᠡᠷᠥᠩᠭᠡᠢ ᠲᠥᠯᠥᠪᠵᠢᠭᠦᠯᠭᠡ ᠪᠠᠨ ᠲᠡᠭᠦᠯᠳᠡᠷᠵᠢᠭᠦᠯᠥᠨ᠎ᠡ᠃ ᠬᠤᠰᠢᠭᠤᠨ ᠤ ᠰᠤᠶᠤᠯ ᠵᠢᠭᠤᠯᠴᠢᠯᠠᠯ ᠤᠨ ᠪᠥᠯᠥᠭᠯᠡᠯ ᠤᠨ ᠪᠡᠯᠡ ᠬᠤᠷᠠᠮᠳᠤᠭᠤᠯᠬᠤ᠂ | ᠠᠷᠠᠯᠵᠢᠶᠠᠴᠢᠨ ᠤᠷᠢᠬᠤ᠂ ᠡᠵᠡᠩᠨᠡᠯᠳᠡ ᠬᠢᠭᠦ ᠲᠠᠪᠴᠠᠩ ᠤᠨ ᠥᠢᠯᠡᠳᠤᠯ ᠢ ᠭᠥᠢᠴᠡᠳ ᠪᠠᠳᠠᠷᠠᠭᠤᠯᠤᠨ᠂ ᠬᠤᠰᠢᠭᠤ ᠨᠤᠳᠤᠭ ᠤᠨ ᠢᠶᠠᠨ ᠵᠢᠭᠤᠯᠴᠢᠯᠠᠯ ᠤᠨ ᠡᠬᠢ | ᠰᠤᠷᠪᠤᠯᠵᠢ ᠶᠢ ᠰᠢᠯᠢᠳᠡᠭᠵᠢᠭᠦᠯᠥᠨ ᠴᠡᠭᠴᠡᠵᠢᠭᠦᠯᠵᠥ ᠠᠮᠢᠳᠤᠯᠢᠭᠵᠢᠭᠤᠯᠤᠭᠠᠳ᠂ ᠨᠡᠶᠢᠭᠡᠮ ᠤᠨ ᠪᠡᠯᠡ ᠶᠢ ᠲᠠᠳᠠᠵᠤ ᠤᠷᠤᠯᠴᠠᠭᠤᠯᠤᠨ᠂ ᠪᠠᠶᠠᠨ ᠰᠢᠪᠡᠷ ᠤᠨ ᠴᠠᠶᠢᠳᠠᠮ | ᠪᠤᠯᠤᠨ ᠡᠯᠡᠰᠤ ᠮᠠᠩᠬᠠᠨ ᠤ ᠶᠡᠭᠡ ᠬᠠᠪᠴᠢᠯ ᠢ ᠨᠡᠭᠡᠭᠡᠨ ᠭᠥᠭᠵᠢᠭᠦᠯᠵᠥ᠂ ᠤᠯᠠᠮᠵᠢᠯᠠᠳᠤ ᠥᠵᠡᠮᠵᠢ ᠶᠢᠨ ᠤᠷᠤᠨ ᠤ ᠲᠡᠰ ᠲᠠᠪᠬᠤᠷᠭ᠎ᠠ ᠶᠢ ᠲᠡᠭᠡᠭᠰᠢᠯᠡᠭᠦᠯᠥᠨ᠂ ᠠᠮᠢ | ᠠᠬᠤᠢ᠂ ᠰᠤᠶᠤᠯ ᠠᠬᠤᠢ᠂ ᠥᠢᠯᠡᠰ ᠠᠬᠤᠢ ᠠᠭᠤᠰᠤᠯᠴᠠᠭᠰᠠᠨ ᠤᠨᠴᠠᠯᠢᠭ ᠲᠤᠪᠤᠶᠢᠮ᠎ᠠ ᠵᠢᠭᠤᠯᠴᠢᠯᠠᠯ ᠤᠨ ᠤᠷᠤᠨ ᠨᠤᠭᠤᠳ ᠢ ᠴᠤᠭᠴᠠᠯᠠᠨ᠎ᠠ᠃ ᠠᠵᠢᠯ ᠲᠥᠷᠥᠯ | ᠤᠨ ᠪᠠᠷᠢᠮᠵᠢᠶ᠎ᠠ ᠪᠤᠯᠤᠨ ᠲᠥᠷᠢᠮᠵᠢᠯ ᠢ ᠲᠡᠭᠦᠯᠳᠡᠷᠵᠢᠭᠦᠯᠥᠨ᠂ ᠵᠢᠭᠤᠯᠴᠢᠯᠠᠯ ᠤᠨ ᠥᠢᠯᠡᠰ ᠤᠨ ᠪᠠᠷᠢᠮᠵᠢᠶᠠᠳᠤ ᠪᠠᠶᠢᠭᠤᠯᠤᠯᠳᠠ ᠶᠢ ᠠᠬᠢᠭᠤᠯᠵᠤ᠂ ᠵᠢᠭᠤᠯᠴᠢᠯᠠᠯ ᠤᠨ | ᠲᠠᠭᠤᠷᠢᠶᠠᠯ ᠭᠠᠴᠠᠭ᠎ᠠ ᠲᠤᠰᠬᠤᠨ ᠢ 10᠂ ᠤᠳᠤᠨ ᠲᠡᠰ ᠤᠨ ᠮᠠᠯᠴᠢᠨ ᠠᠶᠢᠯ ᠤᠨ ᠵᠤᠭᠠᠴᠠᠯ ᠲᠠᠷᠢᠶᠠᠴᠢᠨ ᠡᠷᠥᠭᠡ ᠶᠢᠨ ᠪᠠᠶᠠᠰᠤᠯ ᠢ 100 ᠪᠠᠶᠢᠭᠤᠯᠤᠨ᠂ | ᠥᠢᠯᠡᠳᠪᠥᠷᠢᠯᠡᠯ ᠠᠮᠢᠳᠤᠷᠠᠯ ᠠᠷᠠᠯᠵᠢᠶ᠎ᠠ ᠶᠢ ᠨᠡᠶᠢᠳᠭᠡᠭᠰᠡᠨ ︽ᠪᠠᠶᠠᠰᠤᠯᠳᠤ ᠮᠠᠯᠵᠢᠯ ᠤᠨ ᠲᠠᠯᠠᠪᠠᠢ︾ ᠭᠥᠳᠡᠭᠡ ᠨᠤᠳᠤᠭ ᠤᠨ ᠵᠢᠭᠤᠯᠴᠢᠯᠠᠯ ᠤᠨ ᠨᠡᠷᠡᠳᠤ ᠲᠡᠮᠳᠡᠭ ᠢ | ᠠᠯᠳᠠᠷᠰᠢᠭᠤᠯᠤᠨ᠎ᠠ᠃ ᠤᠨᠴᠠᠯᠢᠭᠳᠤ ᠬᠤᠳᠠ ᠪᠠᠯᠭᠠᠰᠤ ᠪᠠ ᠥᠵᠡᠰᠭᠦᠯᠡᠩᠳᠤ ᠭᠥᠳᠡᠭᠡ ᠨᠤᠳᠤᠭ ᠤᠨ ᠥᠵᠡᠮᠵᠢ ᠶᠢᠨ ᠪᠥᠰᠡ ᠶᠢ ᠨᠢᠭᠡᠳᠥᠯᠳᠡᠢ ᠲᠥᠯᠥᠪᠵᠢᠭᠦᠯᠥᠨ | ᠪᠠᠶᠢᠭᠤᠯᠵᠤ᠂ ᠬᠤᠳᠠ ᠪᠠᠯᠭᠠᠰᠤ ᠂ ᠭᠥᠳᠡᠭᠡ ᠨᠤᠳᠤᠭ᠂ ᠠᠶᠢᠯ ᠡᠷᠥᠭᠡ ᠨᠢ ᠪᠥᠭᠦᠶᠢᠯᠡ ᠴᠤᠭᠴᠠ ᠪᠠᠷ ᠢᠶᠠᠨ ᠥᠵᠡᠮᠵᠢ ᠭᠥᠭᠵᠢᠯᠳᠡ ᠲᠠᠢ ᠪᠤᠯᠤᠭᠰᠠᠨ ᠵᠢᠭᠤᠯᠴᠢᠯᠠᠯ | ᠤᠨ ᠶᠡᠷᠥᠩᠭᠡᠢ ᠴᠤᠭᠴᠠ ᠶᠢ ᠪᠥᠷᠢᠳᠥᠯᠥᠨᠡ᠃ ︽1 + 6︾ ᠬᠤᠪᠢᠰᠬᠠᠯᠳᠤ ᠭᠥᠮᠥᠵᠢᠯ ᠤᠨ ᠰᠠᠭᠤᠷᠢᠨ ᠤ ᠲᠠᠶᠢᠴᠢᠯᠠᠨ ᠲᠠᠭᠠᠭᠤᠯᠬᠤ ᠥᠢᠯᠡᠳᠥᠯ ᠢ ᠨᠡᠩ | ᠪᠠᠳᠠᠷᠠᠭᠤᠯᠵᠤ᠂ ᠤᠷᠤᠨ ᠵᠠᠢ ᠪᠥᠷᠢᠨ ᠵᠠᠯᠭᠠᠯᠳᠤᠭᠰᠠᠨ᠂ ᠴᠢᠳᠠᠮᠵᠢ ᠲᠥᠭᠦᠷᠴᠢᠯᠡᠯ ᠪᠥᠷᠢᠳᠥᠭᠰᠡᠨ᠂ ᠬᠠᠮᠢᠶᠠᠷᠤᠯᠳᠠ ᠨᠢᠭᠡᠳᠥᠯᠳᠡᠢ ᠰᠢᠯᠤᠭᠤᠳᠤᠭᠰᠠᠨ ᠵᠢᠭᠤᠯᠴᠢᠯᠠᠯ | ᠤᠨ ᠲᠤᠮᠤ ᠲᠤᠭᠤᠷᠢᠭ ᠪᠤᠯᠭᠠᠵᠤ ᠪᠠᠶᠢᠭᠤᠯᠤᠨ᠂ ᠵᠢᠭᠤᠯᠴᠢᠯᠠᠯ ᠤᠨ ᠥᠢᠯᠡᠰ ᠤᠨ ᠭᠤᠤᠯᠯᠠᠯᠴᠢ ᠥᠷᠢᠰᠭᠦ ᠭᠥᠴᠥᠨ ᠢ ᠨᠢ ᠲᠠᠮᠢᠷᠵᠢᠭᠤᠯᠵᠤ᠂ ᠤᠯᠤᠰ ᠤᠨ 4A | ᠲᠡᠰ ᠤᠨ ᠵᠢᠭᠤᠯᠴᠢᠯᠠᠯ ᠤᠨ ᠤᠷᠤᠨ ᠪᠤᠯᠭᠠᠬᠤ ᠪᠠᠷ ᠲᠡᠮᠡᠴᠡᠨ᠂ ᠡᠷᠥᠭᠡ ᠳᠤ ᠬᠤᠨᠤᠭᠯᠠᠬᠤ ᠪᠠ ᠪᠡᠶᠡᠴᠢᠯᠡᠨ ᠤᠶᠢᠯᠠᠭᠠᠬᠤ ᠠᠵᠤ ᠠᠬᠤᠢ ᠶᠢᠨ ᠭᠥᠭᠵᠢᠯᠳᠡ ᠶᠢ | ᠠᠬᠢᠭᠤᠯᠤᠨ᠎ᠠ᠃ ᠤᠯᠤᠰ ᠤᠨ ᠪᠥᠭᠦ ᠴᠠᠷᠠᠭᠠᠨ ᠤ ᠵᠢᠭᠤᠯᠴᠢᠯᠠᠯ ᠤᠨ ᠵᠢᠱᠢᠶᠡᠴᠢ ᠬᠤᠰᠢᠭᠤ ᠶᠢ ᠴᠤᠭᠴᠠᠯᠠᠵᠤ᠂ ᠵᠢᠭᠤᠯᠴᠢᠯᠠᠯ ᠤᠨ ᠥᠢᠯᠡᠰ ᠢᠶᠠᠷ ᠪᠥᠭᠦ ᠠᠵᠤ | ᠥᠢᠯᠡᠰ ᠢ ᠲᠠᠶᠢᠴᠢᠯᠠᠨ᠂ ᠥᠵᠡᠮᠵᠢ ᠪᠥᠭᠦ ᠴᠠᠷᠠᠭᠠᠨ ᠳᠤ ᠭᠤᠶᠤᠵᠢᠭᠰᠠᠨ᠂ ᠥᠢᠯᠡᠴᠢᠯᠡᠭᠡ ᠪᠥᠭᠦ ᠴᠠᠷᠠᠭᠠᠨ ᠳᠤ ᠲᠥᠭᠦᠷᠵᠢᠭᠰᠡᠨ᠂ ᠵᠠᠰᠠᠯᠳᠠ ᠪᠥᠭᠦ ᠴᠠᠷᠠᠭᠠᠨ ᠳᠤ | ᠭᠥᠷᠥᠭᠰᠡᠨ᠂ ᠥᠢᠯᠡᠰ ᠪᠥᠭᠦ ᠴᠠᠷᠠᠭᠠᠨ ᠳᠤ ᠬᠤᠯᠪᠤᠭᠠᠯᠠᠭᠰᠠᠨ᠂ ᠪᠥᠳᠥᠮᠵᠢ ᠪᠥᠭᠦ ᠠᠷᠠᠳ ᠲᠤ ᠡᠳ᠋ᠯᠡᠭᠳᠡᠭᠰᠡᠨ ᠰᠢᠨ᠎ᠡ ᠲᠤᠭᠳᠠᠴᠠ ᠶᠢ ᠪᠥᠷᠢᠳᠥᠭᠦᠯᠥᠨᠡ᠃ | ᠠᠷᠠᠯᠵᠢᠶ᠎ᠠ ᠪᠤᠳᠠᠰ ᠤᠨ ᠭᠥᠢᠯᠭᠡᠭᠡ ᠶᠢ ᠲᠡᠰ ᠲᠠᠪᠰᠢᠭᠤᠯᠤᠨ ᠴᠢᠨᠠᠷ ᠰᠠᠶᠢᠵᠢᠷᠠᠭᠤᠯᠤᠨ᠎ᠠ᠃ ᠤᠯᠵᠠᠴᠢ ᠪᠠᠯᠭᠠᠰᠤ ᠪᠤᠯᠤᠨ ᠱᠠᠩᠬᠠᠢ ᠶᠢᠨ ᠰᠥᠮ᠎ᠡ ᠪᠠᠯᠭᠠᠰᠤᠨ ᠤ | ᠪᠤᠳᠠᠰ ᠤᠨ ᠭᠥᠢᠯᠭᠡᠭᠡ ᠶᠢᠨ ᠭᠥᠷᠢᠶᠡᠯᠡᠩ ᠲᠤᠭᠤᠷᠢᠭ ᠤᠨ ᠪᠠᠶᠢᠭᠤᠯᠤᠯᠳᠠ ᠶᠢ ᠲᠥᠷᠭᠡᠳᠭᠡᠵᠥ᠂ ᠨᠡᠭᠦᠷᠡᠰᠥᠨ ᠤ ᠵᠥᠭᠡᠭᠡᠪᠥᠷᠢᠯᠡᠯᠳᠡ ᠪᠠᠷ ᠭᠤᠤᠯᠯᠠᠭᠤᠯᠵᠤ | ᠨᠡᠭᠦᠷᠡᠰᠥᠨ ᠬᠢᠮᠢ ᠶᠢᠨ ᠪᠥᠳᠥᠭᠡᠭᠳᠡᠭᠦᠨ ᠪᠠ ᠪᠠᠷᠢᠯᠭ᠎ᠠ ᠶᠢᠨ ᠮᠠᠲ᠋ᠧᠷᠢᠶᠠᠯ ᠵᠥᠭᠡᠭᠡᠪᠥᠷᠢᠯᠡᠭᠦ ᠶᠢ ᠬᠠᠪᠰᠤᠷᠭᠠᠨ᠂ ᠪᠠᠷᠠᠭ᠎ᠠ ᠵᠥᠭᠡᠭᠡᠪᠥᠷᠢ᠂ ᠠᠷᠠᠯᠵᠢᠶ᠎ᠠ ᠥᠢᠯᠡᠴᠢᠯᠡᠭᠡ ᠪᠠ | ᠥᠢᠯᠡᠳᠪᠥᠷᠢᠯᠡᠯ ᠤᠨ ᠥᠢᠯᠡᠴᠢᠯᠡᠭᠡ ᠶᠢ ᠢᠵᠢ ᠴᠤᠭᠴᠠᠵᠢᠭᠤᠯᠤᠭᠰᠠᠨ ᠶᠡᠷᠥᠩᠭᠡᠶᠢᠯᠡᠭᠰᠡᠨ ᠪᠤᠳᠠᠰ ᠤᠨ ᠭᠥᠢᠯᠭᠡᠭᠡ ᠶᠢᠨ ᠭᠥᠷᠢᠶᠡᠯᠡᠩ ᠲᠤᠭᠤᠷᠢᠭ ᠢ ᠪᠠᠶᠢᠭᠤᠯᠵᠤ᠂ | ᠠᠷᠠᠯᠵᠢᠶ᠎ᠠ ᠪᠤᠳᠠᠰ ᠤᠨ ᠭᠥᠢᠯᠭᠡᠭᠡᠨ ᠤ ᠥᠢᠯᠡᠴᠢᠯᠡᠭᠡ ᠶᠢᠨ ᠲᠤᠰᠬᠠᠶᠢᠴᠢᠯᠠᠭᠰᠠᠨ᠂ ᠵᠠᠩᠬᠢᠴᠢᠯᠠᠭᠰᠠᠨ᠂ ᠬᠡᠪᠴᠢᠶᠡᠵᠢᠭᠰᠡᠨ ᠭᠥᠭᠵᠢᠯᠳᠡ ᠶᠢ ᠠᠬᠢᠭᠤᠯᠤᠨ᠎ᠠ︔ ᠢᠨᠲ᠋ᠧᠷ | ᠰᠥᠯᠵᠢᠶᠡᠨ ᠤ ᠠᠵᠤ ᠠᠬᠤᠢ ᠶᠢᠨ ᠭᠥᠭᠵᠢᠯᠳᠡ ᠶᠢ ᠲᠥᠷᠭᠡᠳᠭᠡᠨ᠂ ᠭᠠᠳᠠᠨ᠎ᠠ ᠠᠴᠠ ᠤᠷᠤᠭᠤᠯᠬᠤ ᠪᠠ ᠨᠤᠳᠤᠭ ᠲᠤ ᠪᠠᠨ ᠪᠤᠶᠢᠵᠢᠭᠤᠯᠬᠤ ᠶᠢ ᠤᠶᠠᠯᠳᠤᠭᠤᠯᠤᠨ᠂ | ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠪᠠ ᠰᠥᠯᠵᠢᠶᠡᠨ ᠠᠷᠠᠯᠵᠢᠶᠠᠨ ᠤ ᠨᠡᠶᠢᠳᠡ ᠶᠢᠨ ᠥᠢᠯᠡᠴᠢᠯᠡᠭᠡ ᠶᠢᠨ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠵᠤ᠂ | ᠰᠥᠯᠵᠢᠶᠠᠨ ᠠᠷᠠᠯᠵᠢᠶᠠᠨ ᠤ ᠨᠠᠷᠠᠳᠤ ᠠᠵᠤ ᠠᠬᠤᠶᠢᠯᠠᠯ ᠢ ᠤᠷᠢᠨ ᠠᠪᠴᠢᠷᠠᠵᠤ ᠨᠤᠳᠤᠭᠰᠢᠭᠤᠯᠤᠨ᠂ ᠪᠤᠳᠠᠰ ᠤᠨ ᠬᠤᠯᠪᠤᠭ᠎ᠠ ᠭᠥᠢᠯᠭᠡᠭᠡ ᠶᠢᠨ ᠵᠠᠬ᠎ᠠ ᠲᠡᠯᠭᠡᠭᠦᠷ ᠢ | ᠥᠷᠭᠡᠳᠭᠡᠨ᠎ᠡ᠃ ᠰᠢᠨ᠎ᠡ ᠭᠡᠯᠪᠡᠷᠢ ᠶᠢᠨ ᠭᠡᠷᠡᠭᠯᠡᠭᠡ ᠶᠢ ᠲᠡᠰ ᠲᠠᠪᠰᠢᠭᠤᠯᠤᠨ ᠴᠢᠨᠠᠷ ᠰᠠᠶᠢᠵᠢᠷᠠᠭᠤᠯᠤᠨ᠎ᠠ᠃ ᠬᠡᠷᠡᠭᠯᠡᠭᠡᠨ ᠤ ᠱᠠᠭᠠᠷᠳᠠᠯᠭ᠎ᠠ ᠶᠢ ᠥᠷᠭᠡᠳᠭᠡᠭᠦ ᠤᠷᠳᠤ | ᠬᠤᠭᠤᠴᠠᠭᠠᠨ ᠤ ᠪᠥᠳᠥᠮᠵᠢᠳᠤ ᠲᠤᠭᠳᠠᠴᠠ ᠪᠥᠷᠢᠳᠥᠭᠦᠯᠥᠨ᠂ ᠨᠡᠷᠡᠳᠤ ᠲᠡᠮᠳᠡᠭ ᠤᠨ ᠠᠷᠠᠯᠵᠢᠶᠠᠨ ᠤ ᠠᠵᠤ ᠠᠬᠤᠶᠢᠯᠠᠯ ᠢ ᠢᠳᠡᠪᠬᠢᠳᠡᠢ ᠤᠷᠢᠵᠤ᠂ ᠰᠡᠯᠡᠭᠦᠴᠡᠯ | ᠡᠷᠡᠭᠦᠯᠵᠢᠯ ᠨᠠᠰᠤᠵᠢᠯ ᠪᠤᠯᠤᠨ ᠰᠤᠷᠠᠭ ᠵᠠᠩᠬᠢ ᠶᠢᠨ ᠬᠡᠷᠡᠭᠯᠡᠭᠡ ᠵᠡᠷᠭᠡ ᠰᠢᠨ᠎ᠡ ᠠᠵᠢᠯ ᠲᠥᠷᠥᠯ ᠢ ᠪᠤᠶᠢᠵᠢᠭᠤᠯᠤᠨ᠂ ᠨᠡᠷ᠎ᠡ ᠠᠯᠳᠠᠷᠰᠢᠯ ᠢ ᠲᠥᠭᠡᠭᠡᠵᠥ ᠬᠡᠷᠡᠭᠯᠡᠭᠡ ᠶᠢ | ᠲᠠᠶᠢᠴᠢᠯᠠᠭᠰᠠᠨ ᠰᠢᠨ᠎ᠡ ᠠᠵᠤ ᠥᠢᠯᠡᠰ ᠤᠨ ᠲᠤᠭᠳᠠᠴᠠ ᠢ ᠴᠤᠭᠴᠠᠯᠠᠨ᠎ᠡ︔ ᠠᠵᠢᠯᠳᠠᠳ ᠤᠨ ᠴᠠᠯᠢᠩ ᠲᠠᠢ ᠠᠮᠠᠷᠠᠯᠳᠠ ᠪᠤᠯᠤᠨ ᠵᠤᠨ ᠤ ᠤᠯᠠᠷᠢᠯ ᠤᠨ 2.5 ᠡᠳᠥᠷ | ᠤᠨ ᠭᠠᠷᠠᠭ ᠤᠨ ᠰᠡᠭᠦᠯᠴᠢ ᠶᠢᠨ ᠡᠭᠡᠯᠵᠢᠯᠡᠨ ᠠᠮᠠᠷᠠᠬᠤ ᠲᠤᠭᠳᠠᠭᠠᠯ ᠢ ᠰᠠᠶᠢᠳᠤᠷ ᠨᠠᠶᠢᠳᠠᠪᠤᠷᠢᠵᠢᠭᠤᠯᠵᠤ᠂ ᠰᠡᠯᠡᠭᠦᠴᠡᠯ ᠵᠢᠭᠤᠯᠴᠢᠯᠠᠯ ᠤᠨ ᠬᠡᠷᠡᠭᠯᠡᠭᠡ ᠶᠢ ᠲᠠᠶᠢᠴᠢᠯᠠᠨ᠎ᠠ | ᠃ ᠮᠥᠩᠭᠦᠨ ᠭᠥᠢᠯᠭᠡᠭᠡᠨ ᠤ ᠤᠬᠢ ᠰᠠᠶᠢᠨ ᠵᠢᠷᠤᠮᠵᠢᠯ ᠢ ᠲᠤᠭᠳᠠᠭᠠᠵᠤ᠂ ᠢᠳᠡᠭᠡᠮᠵᠢ ᠶᠢᠨ ᠬᠡᠷᠡᠭᠯᠡᠭᠡᠨ ᠤ ᠤᠷᠴᠢᠨ ᠢ ᠰᠠᠶᠢᠵᠢᠷᠠᠭᠤᠯᠤᠨ᠂ ᠤᠯᠤᠰ ᠤᠨ ᠥᠮᠴᠢᠯᠡᠯᠳᠤ | ᠠᠷᠠᠯᠵᠢᠶᠠᠨ ᠤ ᠪᠠᠩᠬᠢ ᠪᠤᠯᠤᠨ ᠬᠤᠪᠢ ᠤᠷᠤᠭᠤᠯᠤᠭᠰᠠᠨ ᠲᠥᠷᠢᠮᠳᠤ ᠪᠠᠩᠬᠢ ᠶᠢᠨ ᠮᠠᠨ ᠤ ᠬᠤᠰᠢᠭᠤᠨ ᠳᠤ ᠰᠠᠯᠪᠤᠷᠢ ᠪᠠᠩᠬᠢ ᠪᠠᠶᠢᠭᠤᠯᠬᠤ ᠶᠢ ᠢᠳᠡᠪᠬᠢᠳᠡᠢ | ᠤᠷᠢᠵᠤ᠂ ᠪᠠᠩᠬᠢ ᠶᠢᠨ ᠥᠢᠯᠡᠰ ᠬᠢᠭᠡᠳ ᠲᠠᠭᠠᠳᠬᠠᠯ ᠤᠨ ᠰᠠᠯᠠᠭ᠎ᠠ ᠮᠥᠴᠢᠷ ᠬᠠᠮᠳᠤᠳᠠ ᠭᠥᠭᠵᠢᠭᠰᠡᠨ ᠤᠳᠤ ᠥᠶ᠎ᠡ ᠶᠢᠨ ᠮᠥᠩᠭᠦᠨ ᠭᠥᠢᠯᠭᠡᠭᠡᠨ ᠤ ᠥᠢᠯᠡᠴᠢᠯᠡᠭᠡ | ᠶᠢᠨ ᠰᠢᠰᠲ᠋ᠧᠮ ᠢ ᠪᠥᠷᠢᠳᠥᠭᠦᠯᠥᠨᠡ᠃ 2022 ᠤᠨ ᠪᠤᠯᠬᠤ ᠳᠤ ᠪᠥᠭᠦ ᠬᠤᠰᠢᠭᠤᠨ ᠤ ᠥᠢᠯᠡᠴᠢᠯᠡᠭᠡᠨ ᠤ ᠥᠢᠯᠡᠰ ᠤᠨ ᠨᠡᠮᠡᠭᠳᠡᠯ ᠥᠷᠳᠡᠭ ᠢ 100 | ᠳ᠋ᠥᠩᠰᠢᠭᠤᠷ ᠲᠥᠭᠦᠷᠢᠭ ᠲᠠᠪᠠᠭᠤᠯᠵᠤ᠂ ᠠᠵᠤ ᠠᠬᠤᠢ ᠶᠢᠨ ᠨᠡᠮᠡᠭᠳᠡᠯ ᠤᠨ ᠴᠢᠬᠤᠯᠠ ᠲᠤᠶᠢᠯ ᠪᠤᠯᠭᠠᠨ᠎ᠠ᠃ | ︵ᠬᠤᠶᠠᠷ︶ ᠠᠷᠠᠳ ᠤᠨ ᠠᠮᠢᠳᠤᠷᠠᠯ ᠤᠨ ︽ᠭᠡᠰᠢᠭ ᠭᠥᠷᠳᠡᠭᠡᠯ︾ ᠢ ᠴᠢᠩᠭᠠᠳᠬᠠᠨ᠂ ᠨᠡᠩ ᠴᠢᠨᠠᠷᠯᠢᠭ ᠨᠡᠶᠢᠳᠡ ᠶᠢᠨ ᠥᠢᠯᠡᠴᠢᠯᠡᠭᠡ ᠪᠠᠷ ᠠᠷᠠᠳ ᠢ | ᠬᠠᠷᠠᠭᠠᠯᠵᠠᠨ᠎ᠠ᠃ ᠠᠷᠠᠳ ᠢ ᠬᠠᠷᠠᠭᠠᠯᠵᠠᠬᠤ ᠤᠷᠤᠭᠤᠯᠤᠯᠳᠠ ᠪᠠᠨ ᠨᠡᠮᠡᠭᠳᠡᠭᠦᠯᠥᠨ᠂ ᠨᠡᠶᠢᠳᠡ ᠶᠢᠨ ᠡᠳ᠋ ᠤᠨ ᠵᠠᠰᠠᠭ ᠤᠨ ᠤᠨ ᠤ ᠵᠠᠷᠤᠯᠭ᠎ᠠ ᠶᠢᠨ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠳᠤ ᠬᠢ ᠬᠡᠷᠡᠭᠯᠡᠯᠳᠡ ᠶᠢ 80% ᠭᠥᠷᠭᠦ ᠶᠢ ᠪᠠᠳᠤᠯᠠᠵᠤ᠂ ᠠᠷᠠᠳ ᠤᠯᠠᠨ ᠤ ᠠᠮᠢᠳᠤᠷᠠᠯ ᠤᠨ ᠭᠥᠰᠡᠯ ᠵᠢᠷᠭᠠᠯ ᠢ ᠨᠢᠳᠤᠨ ᠳᠤ | ᠥᠵᠡᠭᠳᠡᠨ ᠭᠠᠷ ᠲᠤ ᠪᠠᠷᠢᠭᠳᠠᠬᠤ ᠪᠠᠷ ᠪᠤᠳᠠᠳᠠᠢ ᠪᠤᠯᠭᠠᠨ᠂ ᠤᠯᠠᠨ ᠲᠥᠮᠡᠨ ᠤ ᠬᠠᠨᠤᠮᠵᠢ ᠵᠢᠷᠭᠠᠯᠳᠠᠢ ᠪᠠ ᠥᠶᠥᠭ ᠲᠠᠪᠠᠳᠠᠢ ᠠᠮᠢᠳᠤᠷᠠᠯ ᠢ ᠥᠷᠭᠦᠯᠵᠢᠳᠠ ᠨᠡᠩ | ᠪᠠᠳᠤᠯᠠᠨ᠎ᠠ᠃ | ᠰᠤᠷᠭᠠᠨ ᠭᠥᠮᠥᠵᠢᠯ ᠢ ᠲᠡᠷᠢᠭᠦᠨ ᠳᠤ ᠨᠢ ᠴᠢᠬᠤᠯᠠᠴᠢᠯᠠᠬᠤ ᠶᠢ ᠪᠠᠷᠢᠮᠳᠠᠯᠠᠵᠤ᠂ ᠤᠬᠢ ᠰᠢᠯᠢᠳᠡᠭ ᠰᠤᠷᠭᠠᠨ ᠭᠥᠮᠥᠵᠢᠯ ᠤᠨ ᠲᠤᠭᠳᠡᠴᠠ ᠶᠢ ᠴᠤᠭᠴᠠᠯᠠᠨ᠎ᠠ | ᠃ ᠠᠯᠪᠠᠨ ᠵᠢᠷᠤᠮ ᠤᠨ ᠰᠤᠷᠭᠠᠨ ᠭᠥᠮᠥᠵᠢᠯ ᠤᠨ ᠬᠤᠳᠠ ᠭᠥᠳᠡᠭᠡ ᠶᠢᠨ ᠢᠵᠢ ᠴᠤᠭᠴᠠᠵᠢᠭᠰᠠᠨ ᠭᠥᠭᠵᠢᠯᠳᠡ ᠶᠢ ᠪᠥᠭᠦ ᠲᠠᠯ᠎ᠠ ᠪᠠᠷ ᠠᠬᠢᠭᠤᠯᠤᠨ᠂ ᠭᠤᠤᠯᠳᠠᠯᠭᠠᠳᠤ | ᠪᠠᠭᠰᠢ ᠨᠠᠷ ᠤᠨ ᠥᠨᠳᠥᠰᠥᠨ ᠱᠠᠳᠤᠨ ᠳᠤ ᠡᠭᠡᠯᠵᠢ ᠪᠠᠷ ᠬᠢᠴᠢᠶᠡᠯᠯᠡᠭᠦ ᠢᠨᠵᠧᠨᠧᠷᠢᠩ ᠢ ᠬᠡᠷᠡᠭᠵᠢᠭᠦᠯᠥᠨ᠂ ᠰᠤᠮᠤ ᠪᠠᠯᠭᠠᠰᠤᠨ ᠤ ᠰᠤᠷᠭᠠᠭᠤᠯᠢ ᠶᠢᠨ ᠪᠠᠭᠰᠢ ᠨᠠᠷ ᠤᠨ | ᠪᠠᠶᠢᠷᠢ ᠶᠢᠨ ᠬᠡᠷ ᠢ ᠪᠠᠶᠢᠭᠤᠯᠵᠤ᠂ ᠡᠯ᠎ᠡ ᠲᠥᠷᠥᠯ ᠤᠨ ᠨᠥᠭᠦᠪᠥᠷᠢ ᠶᠢᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠨ ᠭᠥᠮᠥᠵᠢᠯ ᠤᠨ ᠰᠢᠯᠢᠳᠡᠭ | ᠰᠠᠶᠢᠨ ᠰᠤᠷᠪᠤᠯᠵᠢ ᠶᠢ ᠮᠠᠯᠵᠢᠬᠤ ᠲᠠᠷᠢᠶᠠᠯᠠᠬᠤ ᠤᠷᠤᠨ ᠳᠤ ᠭᠥᠨᠵᠡᠭᠡᠶᠢᠷᠡᠭᠦᠯᠥᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠥᠪᠡᠷᠳᠡᠭᠡᠨ | ᠵᠠᠰᠠᠬᠤ ᠤᠷᠤᠨ ᠤ ᠲᠡᠰ ᠤᠨ ᠨᠡᠷᠡᠳᠤ ᠪᠠᠭᠰᠢ10᠂ ᠬᠤᠳᠠ ᠶᠢᠨ ᠲᠡᠰ ᠤᠨ ᠰᠤᠳᠤᠨ ᠪᠠᠭᠰᠢ 50᠂ ᠬᠤᠰᠢᠭᠤ ᠲᠡᠰ ᠤᠨ ᠭᠤᠤᠯᠯᠠᠭᠴᠢ ᠪᠠᠭᠰᠢ 100 ᠠᠴᠠ | ᠲᠡᠭᠡᠭᠰᠢ ᠭᠥᠮᠥᠵᠢᠭᠦᠯᠥᠨᠡ᠃ ᠥᠨᠳᠥᠰᠥᠳᠡᠨ ᠤ ᠠᠵᠢᠯ ᠮᠡᠷᠭᠡᠵᠢᠯ ᠤᠨ ᠭᠥᠮᠥᠵᠢᠯ ᠪᠤᠯᠪᠠᠰᠤᠷᠠᠯ ᠤᠨ ᠲᠤᠭᠳᠠᠴᠠ ᠶᠢ ᠲᠡᠭᠦᠯᠳᠡᠷᠵᠢᠭᠦᠯᠵᠥ᠂ ᠥᠢᠯᠡᠳᠪᠥᠷᠢᠯᠡᠯ | ᠬᠢᠭᠡᠳ ᠵᠢᠭᠠᠨ ᠰᠤᠷᠭᠠᠯᠳᠠ ᠶᠢ ᠨᠢᠭᠡᠳᠭᠡᠨ᠂ ᠰᠤᠷᠭᠠᠭᠤᠯᠢ ᠪᠤᠯᠤᠨ ᠠᠵᠤ ᠠᠬᠤᠶᠢᠯᠠᠯ ᠢ ᠬᠠᠮᠳᠤᠷᠠᠯᠴᠠᠭᠤᠯᠵᠤ᠂ ᠥᠨᠳᠥᠰᠥᠳᠡᠨ ᠤ ᠠᠵᠢᠯ ᠮᠡᠷᠭᠡᠵᠢᠯ ᠤᠨ ᠲᠤᠮᠳᠠᠳᠤ | ᠰᠤᠷᠭᠠᠭᠤᠯᠢ ᠶᠢ ᠪᠥᠭᠦ ᠤᠯᠤᠰ ᠲᠤ ᠠᠯᠳᠠᠷᠰᠢᠭᠰᠠᠨ ᠤᠨᠴᠠᠯᠢᠭᠳᠤ ᠲᠠᠭᠤᠷᠢᠶᠠᠯ ᠰᠤᠷᠭᠠᠭᠤᠯᠢ ᠪᠤᠯᠭᠠᠨ ᠴᠤᠭᠴᠠᠯᠠᠨ᠎ᠠ᠃ ᠠᠯᠪᠠᠨ ᠵᠢᠷᠤᠮ ᠤᠨ ᠪᠠᠷᠢᠮᠵᠢᠶᠠᠳᠤ | ᠰᠤᠷᠭᠠᠭᠤᠯᠢ ᠪᠤᠯᠤᠨ ᠬᠤᠳᠠ ᠭᠥᠳᠡᠭᠡ ᠶᠢ ᠴᠤᠭ ᠬᠠᠷᠠᠭᠠᠯᠵᠠᠭᠰᠠᠨ ᠭᠡᠥᠭᠡᠳ ᠤᠨ ᠴᠡᠴᠡᠷᠯᠢᠭ ᠤᠨ ᠪᠠᠶᠢᠭᠤᠯᠤᠯᠳᠠ ᠶᠢ ᠴᠢᠩᠭᠠᠳᠬᠠᠨ᠂ ᠰᠤᠷᠭᠠᠭᠤᠯᠢ ᠶᠢᠨ | ᠲᠠᠷᠬᠠᠴᠠ ᠶᠢ ᠰᠠᠶᠢᠳᠤᠷ ᠵᠤᠬᠢᠴᠠᠭᠤᠯᠵᠤ᠂ ᠰᠤᠷᠤᠭᠴᠢᠳ ᠤᠨ ᠲᠡᠳᠭᠦᠮᠵᠢ ᠶᠢᠨ ᠲᠥᠷᠢᠮ ᠢ ᠲᠡᠭᠦᠯᠳᠡᠷᠵᠢᠭᠦᠯᠥᠨ᠂ ᠭᠡᠥᠭᠡᠳ ᠨᠢᠭᠡ ᠪᠥᠷᠢ ᠳᠤ ᠴᠢᠨᠠᠷᠯᠢᠭ ᠰᠠᠶᠢᠨ | ᠰᠤᠷᠭᠠᠨ ᠭᠥᠮᠥᠵᠢᠯ ᠭᠥᠷᠳᠡᠭᠦᠯᠥᠨᠡ᠃ | ᠠᠷᠠᠳ ᠤᠯᠠᠨ ᠤ ᠡᠷᠡᠭᠦᠯ ᠡᠩᠭᠡ ᠶᠢ ᠭᠥᠨᠳᠥᠳᠭᠡᠵᠥ᠂ ᠪᠥᠭᠦ ᠠᠷᠠᠳ ᠤᠨ ᠡᠩᠭᠡ ᠮᠡᠨᠳᠤ ᠶᠢᠨ ᠰᠢᠰᠲ᠋ᠧᠮ ᠢ ᠴᠤᠭᠴᠠᠯᠠᠨ᠎ᠠ᠃ ᠢᠷᠭᠠᠢ ᠶᠢᠨ ᠡᠮᠴᠢᠯᠡᠭᠡᠨ | ᠤ ᠨᠡᠷᠡᠳᠤ ᠨᠢᠭᠡᠴᠡ ᠯᠦᠭᠡ ᠶᠢᠨ ᠬᠠᠮᠳᠤᠷᠠᠯᠴᠠᠭ᠎ᠠ ᠶᠢ ᠴᠢᠩᠭᠠᠳᠬᠠᠨ᠂ ᠤᠬᠢ ᠰᠢᠯᠢᠳᠡᠭ ᠡᠮᠴᠢᠯᠡᠭᠡᠨ ᠤ ᠰᠤᠷᠪᠤᠯᠵᠢ ᠶᠢᠨ ᠬᠠᠮᠳᠤ ᠪᠠᠶᠢᠭᠤᠯᠤᠯᠳᠠ ᠬᠠᠮᠳᠤ ᠡᠳ᠋ᠯᠡᠯᠳᠡ | ᠶᠢ ᠠᠬᠢᠭᠤᠯᠤᠨ᠂ ᠤᠨᠤᠰᠢᠯᠠᠵᠤ ᠡᠮᠴᠢᠯᠡᠭᠦ ᠮᠡᠷᠭᠡᠵᠢᠯ ᠤᠨ ᠲᠥᠪᠰᠢᠨ ᠢ ᠲᠡᠭᠡᠭᠰᠢᠯᠡᠭᠦᠯᠥᠨ᠎ᠡ᠃ ︽ᠰᠠᠶᠢᠨ ᠡᠮᠴᠢ ᠭᠥᠳᠡᠭᠡ ᠳᠤ ᠪᠠᠭᠤᠬᠤ︾ ᠢᠨᠵᠧᠨᠧᠷᠢᠩ ᠢ | ᠭᠡᠷᠡᠭᠵᠢᠭᠦᠯᠵᠥ᠂ ᠬᠤᠰᠢᠭᠤ ᠲᠡᠰ ᠤᠨ ᠡᠮᠨᠡᠯᠭᠡ ᠶᠢᠨ ᠬᠤᠷᠢᠶᠠᠨ ᠤ ᠭᠤᠤᠯᠯᠠᠭᠴᠢ ᠡᠮᠴᠢ ᠨᠠᠷ ᠤᠨ ᠥᠨᠳᠥᠰᠥᠨ ᠱᠠᠳᠤᠨ ᠳᠤ ᠬᠢ ᠠᠵᠢᠯ ᠤᠨ ᠥᠷᠥᠭᠡ ᠭᠠᠷᠭᠠᠨ᠂ | ᠴᠢᠨᠠᠷᠯᠢᠭ ᠰᠠᠶᠢᠨ ᠡᠮ ᠡᠮᠴᠢᠯᠡᠭᠡᠨ ᠤ ᠰᠤᠷᠪᠤᠯᠵᠢ ᠶᠢᠨ ᠬᠤᠳᠠ ᠭᠥᠳᠡᠭᠡ ᠶᠢᠨ ᠬᠠᠮᠳᠤ ᠡᠳ᠋ᠯᠡᠯᠳᠡ ᠶᠢᠨ ᠲᠥᠪᠰᠢᠨ ᠢ ᠲᠡᠭᠡᠭᠰᠢᠯᠡᠭᠦᠯᠥᠨ᠎ᠡ︔ ᠬᠤᠰᠢᠭᠤ ᠠᠷᠠᠳ ᠤᠨ | ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠲᠡᠰ ᠲᠠᠪᠰᠢᠯᠳᠠ ᠶᠢ ᠲᠥᠷᠭᠡᠳᠭᠡᠨ᠂ ᠮᠤᠩᠭᠤᠯ ᠡᠮᠨᠡᠯᠭᠡ ᠶᠢᠨ ᠬᠤᠷᠢᠶ᠎ᠠ ᠪᠠᠷ ᠭᠤᠤᠯᠯᠠᠭᠤᠯᠤᠭᠰᠠᠨ ᠥᠨᠳᠥᠰᠥᠳᠡᠨ ᠤ ᠡᠮ | ᠡᠮᠨᠡᠯᠭᠡ ᠶᠢᠨ ᠥᠢᠯᠡᠰ ᠢ ᠢᠳᠡᠪᠬᠢᠳᠡᠢ ᠭᠥᠭᠵᠢᠭᠦᠯᠵᠥ᠂ ︽ᠡᠪᠡᠳᠴᠢᠯᠡᠪᠡᠯ ᠡᠮᠴᠢᠯᠡᠭᠡ ᠲᠠᠢ︾ ᠪᠠᠶᠢᠭᠰᠠᠨ ᠠᠴᠠ ︽ᠡᠪᠡᠳᠴᠢᠯᠡᠪᠡᠯ ᠡᠮᠴᠢᠯᠡᠭᠡ ᠰᠠᠶᠢᠳᠠᠢ︾ | ᠪᠤᠯᠭᠠᠬᠤ ᠲᠡᠰᠢ ᠲᠡᠰ ᠲᠠᠪᠰᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠥᠷᠨᠢᠭᠦᠯᠵᠥ᠂ ᠪᠥᠭᠦ ᠠᠷᠠᠳ ᠤᠨ ᠡᠷᠡᠭᠦᠯ ᠮᠡᠨᠳᠤ ᠶᠢᠨ | ᠬᠠᠮᠢᠶᠠᠷᠤᠯᠳᠠ ᠶᠢᠨ ᠲᠥᠪ ᠢ ᠪᠠᠶᠢᠭᠤᠯᠤᠨ᠂ ᠪᠥᠭᠦ ᠠᠷᠠᠳ ᠤᠨ ᠡᠷᠡᠭᠦᠯ ᠮᠡᠨᠳᠤ ᠶᠢᠨ ᠭᠥᠳᠡᠯᠥᠩᠭᠦᠢ ᠬᠢᠨᠠᠯᠳᠠ ᠡᠵᠡᠮᠰᠢᠯᠳᠠ ᠶᠢ ᠪᠡᠶᠡᠯᠡᠭᠦᠯᠵᠥ᠂ ᠭᠡᠷ ᠤᠨ ᠪᠥᠯᠢ | ᠶᠢᠨ ᠡᠮᠴᠢ ᠶᠢᠨ ᠬᠡᠷ᠎ᠡ ᠲᠤᠬᠢᠷᠠᠬᠤ ᠥᠢᠯᠡᠴᠢᠯᠡᠭᠡ ᠶᠢ ᠲᠥᠭᠡᠮᠡᠯᠵᠢᠭᠦᠯᠥᠨ᠂ ᠪᠥᠭᠦ ᠤᠯᠤᠰ ᠤᠨ ᠤᠳᠠᠭᠠᠨ ᠴᠢᠨᠠᠷᠳᠤ ᠡᠪᠡᠳᠴᠢᠨ ᠤ ᠶᠡᠷᠥᠩᠭᠡᠶᠢᠯᠡᠭᠰᠡᠨ ᠰᠡᠷᠭᠡᠶᠢᠯᠡᠯ | ᠡᠵᠡᠮᠰᠢᠯ ᠤᠨ ᠲᠠᠭᠤᠷᠢᠶᠠᠯ ᠤᠷᠤᠨ ᠪᠠ ᠡᠷᠡᠭᠦᠯ ᠮᠡᠨᠳᠤ ᠶᠢ ᠡᠷᠬᠢᠮᠯᠡᠭᠦ ᠬᠤᠰᠢᠭᠤ ᠶᠢ ᠴᠤᠭᠴᠠᠯᠠᠨ᠎ᠠ︔ ᠤᠯᠠᠨ ᠲᠥᠮᠡᠨᠴᠢ ᠪᠡᠶ᠎ᠡ ᠴᠢᠬᠢᠷᠠᠭᠵᠢᠭᠤᠯᠬᠤ ᠲᠠᠯᠠᠪᠠᠢ ᠪᠤᠯᠤᠨ | ᠶᠠᠪᠠᠭᠠᠨ ᠪᠤᠯᠪᠠᠰᠤᠷᠠᠯ ᠤᠨ ᠵᠠᠮ ᠪᠠᠶᠢᠭᠤᠯᠵᠤ᠂ ᠪᠥᠭᠦ ᠠᠷᠠᠳ ᠢᠶᠠᠷ ᠪᠡᠶ᠎ᠡ ᠴᠢᠬᠢᠷᠠᠭᠵᠢᠭᠤᠯᠬᠤ ᠥᠷᠨᠢᠯᠳᠠ ᠭᠠᠷᠭᠠᠨ᠎ᠠ᠃ | ᠰᠤᠶᠤᠯ ᠢᠶᠠᠷ ᠢᠷᠭᠡᠳ ᠢ ᠬᠡᠬᠡᠷᠡᠭᠦᠯᠭᠦ ᠶᠢ ᠠᠩᠬᠠᠷᠴᠤ᠂ ᠰᠤᠶᠤᠯ ᠤᠨ ᠥᠢᠯᠡᠴᠢᠯᠡᠭᠡᠨ ᠤ ᠲᠤᠭᠳᠠᠴᠠ ᠶᠢ ᠪᠥᠷᠢᠯᠳᠥᠭᠦᠯᠥᠨ᠎ᠡ᠃ ᠨᠡᠶᠢᠭᠡᠮ ᠵᠢᠷᠤᠮ ᠤᠨ | ᠭᠤᠤᠯᠯᠠᠭᠴᠢ ᠥᠷᠳᠡᠭ ᠤᠨ ᠥᠵᠡᠯᠳᠡ ᠶᠢ ᠪᠠᠳᠠᠷᠠᠭᠤᠯᠤᠨ᠂ ᠤᠯᠤᠰ ᠤᠨ ᠲᠡᠰ ᠤᠨ ᠰᠤᠶᠤᠯ ᠤᠨ ᠵᠢᠱᠢᠶᠡᠴᠢ ᠬᠤᠰᠢᠭᠤ ᠶᠢ ᠪᠠᠶᠢᠭᠤᠯᠬᠤ ᠪᠠᠨ ᠲᠥᠷᠭᠡᠳᠭᠡᠨ᠎ᠡ᠃ | ᠥᠨᠳᠥᠰᠥᠳᠡᠨ ᠤ ᠤᠯᠠᠮᠵᠢᠯᠠᠯᠳᠤ ᠰᠤᠶᠤᠯ ᠤᠨ ᠥᠪ ᠢ ᠭᠥᠨᠵᠡᠭᠡᠢ ᠠᠭᠤᠳᠠᠯᠠᠨ᠂ ᠰᠢᠨ᠎ᠡ ᠬᠡᠯᠪᠡᠷᠢ ᠶᠢᠨ ᠰᠤᠶᠤᠯ ᠤᠨ ᠡᠵᠡᠩᠨᠡᠯᠳᠡ ᠶᠢ ᠪᠤᠶᠢᠵᠢᠭᠤᠯᠵᠤ᠂ | ᠥᠪᠡᠷᠮᠢᠴᠡ ᠤᠴᠠᠯᠢᠭᠳᠤ ᠰᠤᠶᠤᠯ ᠤᠨ ᠨᠡᠷᠡᠳᠤ ᠲᠡᠮᠳᠡᠭ ᠢ ᠡᠭᠦᠳᠥᠨ᠂ ᠰᠤᠶᠤᠯ ᠤᠨ ᠬᠡᠷᠡᠭᠯᠡᠭᠡ ᠶᠢ ᠠᠬᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ | ᠥᠢᠯᠡᠴᠢᠯᠡᠭᠡᠨ ᠤ ᠲᠤᠭᠳᠠᠴᠠ ᠶᠢ ᠤᠯᠠᠮ ᠲᠡᠭᠦᠯᠳᠡᠷᠵᠢᠭᠦᠯᠵᠥ᠂ ᠵᠠᠰᠠᠭ ᠤᠨ ᠤᠷᠳᠤᠨ ᠨᠡᠶᠢᠭᠡᠮ ᠠᠴᠠ ᠤᠯᠠᠨ ᠨᠡᠶᠢᠳᠡ ᠶᠢᠨ ᠰᠤᠶᠤᠯ ᠤᠨ ᠥᠢᠯᠡᠴᠢᠯᠡᠭᠡ | ᠬᠤᠳᠠᠯᠳᠤᠨ ᠠᠪᠬᠤ ᠲᠤᠭᠳᠠᠴᠠ ᠶᠢ ᠪᠥᠷᠢᠳᠥᠭᠦᠯᠤᠨ᠂ ᠰᠤᠯᠠ ᠤᠷᠬᠢᠭᠳᠠᠭᠰᠠᠨ ᠰᠤᠶᠤᠯ ᠤᠨ ᠥᠢᠯᠡᠴᠢᠯᠡᠭᠡᠨ ᠤ ᠰᠤᠷᠪᠤᠯᠵᠢ ᠶᠢ ᠢᠳᠠᠪᠬᠢᠯᠡᠭᠦᠯᠥᠨ ᠬᠡᠷᠡᠭᠯᠡᠵᠥ᠂ | ᠰᠤᠶᠤᠯ ᠤᠨ ᠠᠵᠤ ᠥᠢᠯᠡᠰ ᠤᠨ ᠭᠥᠷᠢᠶᠡᠯᠠᠩ ᠤᠨ ᠪᠤᠳᠠᠳᠤ ᠠᠰᠢᠭᠯᠠᠮᠵᠢ ᠶᠢ ᠠᠬᠢᠭᠤᠯᠤᠨ᠎ᠠ᠃ ᠪᠥᠭᠦ ᠠᠷᠠᠳ ᠢᠶᠠᠷ ᠨᠤᠮ ᠤᠩᠰᠢᠬᠤ ᠠᠵᠢᠯᠯᠠᠭ᠎ᠠ ᠶᠢ | ᠥᠷᠭᠦᠯᠵᠢᠯᠡᠨ ᠪᠠᠷᠢᠮᠳᠠᠯᠠᠭᠤᠯᠵᠤ᠂ ᠨᠤᠮ ᠤᠨ ᠰᠠᠩ᠂ ᠰᠤᠶᠤᠯ ᠤᠨ ᠤᠷᠳᠤᠨ ᠪᠤᠯᠤᠨ ᠰᠤᠮᠤ ᠪᠠᠯᠭᠠᠰᠤᠨ ᠤ ᠰᠤᠶᠤᠯ ᠤᠨ ᠥᠷᠳᠡᠭᠡ ᠶᠢᠨ ᠶᠡᠷᠥᠩᠭᠡᠶᠢᠯᠡᠭᠰᠡᠨ | ᠠᠰᠢᠭᠯᠠᠯᠳᠠ ᠪᠥᠳᠥᠮᠵᠢ ᠶᠢ ᠲᠡᠭᠡᠭᠰᠢᠯᠡᠭᠦᠯᠥᠨ᠎ᠡ︔ ᠶᠡᠷᠥᠩᠭᠡᠢ ᠱᠥᠵᠢ ᠶᠢᠨ ᠤᠯᠠᠭᠠᠨᠮᠥ᠋ᠴᠢᠷ ᠤᠨ ᠥᠢᠯᠡᠰ ᠤᠨ ᠭᠥᠭᠵᠢᠯᠳᠡ ᠶᠢᠨ ᠲᠤᠬᠠᠢ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠭᠠᠵᠠᠷ ᠤᠷᠤᠨ ᠳᠤ ᠲᠤᠬᠢᠷᠭᠰᠠᠨ ᠨᠥᠯᠥᠭᠡᠯᠡᠯ ᠰᠠᠶᠢᠳᠠᠢ ᠰᠤᠶᠤᠯ ᠤᠨ ᠰᠤᠳᠤᠨ ᠪᠥᠳᠥᠭᠡᠯ ᠲᠡᠪᠰᠢᠭᠦᠯᠭᠦ ᠢ ᠨᠢ | ᠲᠡᠮᠵᠢᠵᠤ᠂ ︽ᠰᠤᠶᠤᠯ ᠢ ᠭᠥᠳᠡᠭᠡ ᠪᠠᠭᠤᠯᠭᠠᠬᠤ︾ ᠠᠵᠢᠯ ᠢ ᠭᠥᠨᠵᠡᠭᠡᠢ ᠥᠷᠨᠢᠭᠦᠯᠥᠨ᠂ ᠤᠯᠠᠨ ᠲᠥᠮᠡᠨ ᠤ ᠤᠯᠠᠨ ᠲᠠᠯᠠᠳᠤ ᠤᠶᠤᠨ ᠤ ᠱᠠᠭᠠᠷᠳᠠᠯᠭ᠎ᠠ ᠶᠢ | ᠲᠠᠰᠤᠷᠠᠯᠳᠠ ᠥᠭᠡᠢ ᠬᠠᠩᠭᠠᠨ᠎ᠠ᠃ | ᠪᠠᠷᠢᠮᠵᠢᠶ᠎ᠠ ᠲᠡᠭᠡᠭᠰᠢᠯᠡᠭᠦᠯᠥᠯᠳᠡ ᠬᠡᠪᠴᠢᠶ᠎ᠡ ᠥᠷᠭᠡᠳᠭᠡᠯ ᠢ ᠠᠬᠢᠭᠤᠯᠤᠨ᠂ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠴᠤᠭᠴᠠᠯᠠᠨ᠎ᠠ᠃ ᠨᠡᠶᠢᠭᠡᠮ ᠤᠨ | ᠪᠠᠳᠤᠯᠠᠭ᠎ᠠ ᠶᠢᠨ ᠰᠢᠰᠲ᠋ᠧᠮ ᠲᠤᠭᠳᠠᠴᠠ ᠶᠢ ᠯᠠᠪᠳᠠᠭᠤᠨ ᠠᠬᠢᠭᠤᠯᠵᠤ ᠬᠤᠳᠠ ᠭᠥᠳᠡᠭᠡ ᠶᠢ ᠴᠤᠭ ᠭᠥᠭᠵᠢᠭᠦᠯᠥᠨ᠂ ᠪᠥᠭᠦ ᠠᠷᠠᠳ ᠤᠨ ᠲᠠᠭᠠᠳᠬᠠᠯ ᠳᠤ | ᠲᠠᠩᠰᠠᠯᠠᠭᠤᠯᠬᠤ ᠲᠥᠯᠥᠪᠯᠡᠭᠡ ᠶᠢ ᠬᠡᠷᠡᠭᠵᠢᠭᠦᠯᠵᠥ᠂ ᠨᠥᠭᠦᠪᠥᠷᠢ ᠶᠢᠨ ᠴᠢᠨᠠᠷᠳᠤ ᠡᠮ ᠡᠮᠨᠡᠯᠭᠡ ᠶᠢᠨ ᠲᠠᠭᠠᠳᠬᠠᠯ ᠪᠤᠯᠤᠨ ᠠᠷᠠᠯᠵᠢᠶᠠᠨ ᠤ ᠲᠥᠷᠥᠯ ᠤᠨ ᠡᠷᠡᠭᠦᠯ | ᠮᠡᠨᠳᠤ ᠶᠢᠨ ᠲᠠᠭᠠᠳᠬᠠᠯ ᠢ ᠭᠥᠭᠵᠢᠭᠦᠯᠵᠥ ᠵᠤᠷᠢᠭᠵᠢᠭᠤᠯᠤᠨ᠂ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠴᠠᠯᠢᠩ ᠤᠨ ᠪᠠᠷᠢᠮᠵᠢᠶ᠎ᠠ ᠪᠠ ᠲᠠᠪᠤᠨ | ᠪᠠᠳᠤᠯᠠᠭᠠᠳᠤ ᠡᠳᠡᠭᠡᠳ᠂ ᠭᠥᠴᠢᠷᠳᠡᠯᠳᠤ ᠭᠡᠥᠭᠡᠳ᠂ ᠵᠡᠮᠳᠡᠭᠴᠤᠳ ᠤᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠤᠯᠠᠮ ᠢᠶᠠᠷ ᠲᠡᠭᠡᠭᠰᠢᠯᠡᠭᠦᠯᠵᠥ᠂ ᠨᠡᠶᠢᠭᠡᠮ | ᠤᠨ ᠪᠠᠳᠤᠯᠠᠭ᠎ᠠ ᠶᠢᠨ ᠡᠯ᠎ᠡ ᠲᠥᠷᠥ ᠶᠢᠨ ᠪᠤᠳᠤᠯᠭ᠎ᠠ ᠶᠢᠨ ᠲᠥᠷᠢᠮ ᠤᠨ ᠪᠥᠷᠭᠦᠯᠳᠡ ᠠᠴᠠ ᠠᠷᠠᠳ ᠤᠨ ᠠᠮᠢᠳᠤᠷᠠᠯ ᠳᠤ ᠬᠢ ᠪᠥᠷᠭᠦᠯᠳᠡ ᠭᠥᠷᠳᠡᠯᠡᠭᠢ ᠭᠥᠨᠵᠡᠭᠡᠶᠢᠷᠡᠯ | ᠢ ᠠᠬᠢᠭᠤᠯᠤᠨ᠎ᠠ︔ ᠬᠠᠭᠤᠴᠢᠨ ᠰᠠᠭᠤᠭᠠᠯᠢ ᠲᠤᠭᠤᠷᠢᠭ ᠤᠨ ᠥᠭᠡᠷᠡᠴᠢᠯᠡᠯᠳᠡ ᠶᠢ ᠲᠥᠷᠭᠡᠳᠭᠡᠨ ᠤᠷᠤᠨ ᠰᠠᠭᠤᠴᠠ ᠶᠢᠨ ᠢᠨᠵᠧᠨᠧᠷᠢᠩ ᠤᠨ ᠭᠤᠤᠯ ᠠᠵᠢᠯ | ᠪᠤᠯᠭᠠᠵᠤ᠂ ᠪᠠᠳᠤᠯᠠᠭ᠎ᠠ ᠶᠢᠨ ᠤᠷᠤᠨ ᠰᠠᠭᠤᠴᠠ ᠨᠤᠭᠤᠳ ᠢ ᠰᠢᠨ᠎ᠡ ᠪᠠᠷ ᠪᠤᠶᠤ ᠥᠷᠭᠡᠳᠭᠡᠨ ᠪᠠᠶᠢᠭᠤᠯᠤᠨ᠎ᠠ︔ ᠵᠠᠬ᠎ᠠ ᠲᠡᠯᠭᠡᠭᠦᠷᠴᠢᠯᠡᠭᠰᠡᠨ ᠤᠷᠤᠰᠢᠭᠤᠯᠭ᠎ᠠ | ᠭᠥᠳᠡᠭᠡᠯᠡᠭᠦᠯᠭᠡ ᠶᠢᠨ ᠢᠵᠢ ᠥᠢᠯᠡᠴᠢᠯᠡᠭᠡ ᠶᠢ ᠠᠬᠢᠭᠤᠯᠵᠤ᠂ ᠤᠷᠤᠰᠢᠭᠤᠯᠭ᠎ᠠ ᠶᠢᠨ ᠥᠢᠯᠡᠴᠢᠯᠡᠭᠡᠨ ᠤ ᠲᠥᠪ ᠢ ᠪᠠᠶᠢᠭᠤᠯᠤᠨ᠎ᠠ︔ ᠤᠶᠤᠨᠴᠢ ᠨᠠᠰᠤᠵᠢᠯ ᠠᠰᠠᠷᠠᠯᠳᠠ | ᠶᠢᠨ ᠠᠵᠢᠯ ᠢ ᠭᠥᠭᠵᠢᠭᠦᠯᠥᠨ᠂ ᠡᠮᠨᠡᠭᠦ ᠰᠤᠪᠢᠯᠠᠬᠤ ᠶᠢ ᠤᠶᠠᠯᠳᠤᠭᠤᠯᠤᠨ ᠠᠬᠢᠭᠤᠯᠵᠤ᠂ ᠨᠡᠶᠢᠭᠡᠮ ᠤᠨ ᠪᠡᠯᠡ ᠶᠢ ᠨᠠᠰᠤᠵᠢᠯ ᠥᠢᠯᠡᠴᠢᠯᠡᠭᠡᠨ ᠤ ᠰᠢᠰᠲ᠋ᠧᠮ ᠤᠨ | ᠴᠤᠭᠴᠠᠯᠠᠯᠳᠠ ᠳᠤ ᠤᠷᠤᠯᠴᠠᠭᠤᠯᠤᠨ᠂ ᠨᠠᠰᠤᠳᠠᠶᠢᠴᠤᠳ ᠤᠨ ᠠᠮᠢᠳᠤᠷᠠᠯ ᠢ ᠨᠡᠶᠢᠭᠡᠮ ᠤᠨ ᠭᠥᠭᠵᠢᠯᠳᠡ ᠳᠤ ᠨᠠᠩ ᠰᠠᠶᠢᠳᠤᠷ ᠠᠭᠤᠰᠤᠯᠴᠠᠭᠤᠯᠤᠨ᠂ ᠨᠠᠰᠤᠳᠠᠶᠢᠴᠤᠳ | ᠤᠨ ᠪᠠᠶᠠᠷ ᠪᠠᠶᠠᠰᠤᠯ ᠢ ᠪᠠᠳᠤᠯᠠᠨ᠎ᠠ᠃ | ᠠᠵᠢᠯ ᠤᠯᠤᠯᠳᠠ ᠶᠢᠨ ᠴᠢᠨᠠᠷᠵᠢᠯ ᠢ ᠲᠡᠭᠡᠭᠰᠢᠯᠡᠭᠦᠯᠵᠥ᠂ ᠪᠥᠭᠦ ᠠᠷᠠᠳ ᠢᠶᠠᠷ ᠥᠢᠯᠡᠰ ᠪᠥᠳᠥᠭᠡᠭᠦ ᠲᠤᠭᠳᠠᠴᠠ ᠶᠢ ᠴᠤᠭᠴᠠᠯᠠᠨ᠎ᠠ᠃ ᠵᠠᠰᠠᠭ ᠤᠨ ᠤᠷᠳᠤᠨ | ᠂ ᠠᠵᠢᠯᠴᠢᠨ ᠤ ᠡᠪᠯᠡᠯ ᠪᠤᠯᠤᠨ ᠠᠵᠤ ᠠᠬᠤᠶᠢᠯᠠᠯ ᠬᠠᠮᠳᠤᠷᠠᠨ ᠤᠷᠤᠯᠴᠠᠭᠰᠠᠨ ᠴᠢᠭᠯᠡᠯᠳᠤ ᠴᠢᠨᠠᠷ ᠲᠠᠢ ᠨᠠᠶᠢᠳᠠᠨ ᠭᠥᠮᠥᠵᠢᠭᠦᠯᠭᠦ ᠲᠤᠭᠳᠠᠴᠠ ᠲᠤᠭᠳᠠᠭᠠᠨ | ᠲᠡᠭᠦᠯᠳᠡᠷᠵᠢᠭᠦᠯᠵᠥ᠂ ᠲᠡᠭᠦᠰᠥᠭᠰᠡᠨ ᠤᠶᠤᠳᠠᠳ᠂ ᠬᠠᠯᠠᠭᠳᠠᠭᠰᠠᠨ ᠴᠡᠷᠢᠭ᠂ ᠰᠢᠯᠵᠢᠭᠰᠡᠨ ᠮᠠᠯᠴᠢᠨ ᠲᠠᠷᠢᠶᠠᠴᠢᠳ ᠠᠵᠤ ᠠᠬᠤᠶᠢᠯᠠᠯ ᠳᠤ ᠤᠷᠤᠵᠤ ᠠᠵᠢᠯ ᠥᠢᠯᠡᠰ | ᠡᠷᠬᠢᠯᠡᠵᠤ᠂ ᠠᠵᠢᠯ ᠤᠯᠬᠤ ᠶᠢ ᠪᠡᠶᠡᠯᠡᠭᠦᠯᠥᠨ᠎ᠡ᠃ ︽ᠬᠤᠤᠰ ᠪᠥᠳᠥᠭᠡᠯᠳᠡ︾ ᠶᠢᠨ ᠲᠠᠭᠤᠷᠢᠶᠠᠯ ᠰᠠᠭᠤᠷᠢᠨ ᠤ ᠥᠢᠯᠡᠰ ᠪᠥᠳᠥᠭᠡᠨ ᠠᠵᠢᠯ ᠤᠯᠭᠤᠬᠤ ᠲᠠᠪᠴᠠᠩ | ᠤᠨ ᠥᠢᠯᠡᠳᠥᠯ ᠢ ᠭᠥᠢᠴᠡᠳ ᠪᠠᠳᠠᠷᠠᠭᠤᠯᠤᠨ᠂ ︽ᠪᠠᠭ᠎ᠠ ᠠᠵᠤ ᠠᠬᠤᠶᠢᠯᠠᠯᠳᠠᠨ︾ ᠪᠤᠯᠤᠨ ᠨᠤᠳᠤᠭ ᠤᠨ ᠲᠤᠮᠳᠠ ᠪᠠᠭ᠎ᠠ ᠠᠵᠤ ᠠᠬᠤᠶᠢᠯᠠᠯ ᠢ ᠪᠤᠶᠢᠵᠢᠭᠤᠯᠬᠤ | ᠢᠨᠵᠧᠨᠧᠷᠢᠩ ᠢ ᠭᠡᠷᠡᠭᠵᠢᠭᠦᠯᠵᠥ᠂ ᠪᠠᠭ᠎ᠠ ᠲᠤᠭᠠᠳᠤ ᠵᠢᠭᠡᠯᠡᠯᠭᠡ ᠨᠠᠶᠢᠳᠠᠪᠤᠷᠢᠵᠢᠭᠤᠯᠤᠨ᠂ ᠵᠢᠷ ᠭᠥᠮᠥᠰ ᠤᠨ ᠥᠢᠯᠡᠰ ᠪᠥᠳᠥᠭᠡᠯᠳᠡ ᠶᠢ ᠲᠡᠮᠵᠢᠨ᠎ᠡ᠃ ᠠᠵᠢᠯᠳᠠᠨ | ᠪᠤᠯᠤᠨ ᠭᠥᠳᠡᠯᠮᠥᠷᠢᠯᠡᠭᠴᠢᠳ ᠤᠨ ᠭᠥᠯᠥᠰᠥ ᠤᠯᠭᠤᠮᠵᠢ ᠶᠢᠨ ᠬᠡᠪ ᠤᠨ ᠨᠡᠮᠡᠭᠳᠡᠯ ᠤᠨ ᠲᠤᠭᠳᠠᠴᠠ ᠪᠤᠯᠤᠨ ᠤᠯᠭᠤᠯᠳᠠ ᠶᠢᠨ ᠪᠠᠳᠤᠯᠠᠭ᠎ᠠ ᠶᠢᠨ ᠲᠤᠭᠳᠠᠴᠠ ᠶᠢ | ᠪᠠᠶᠢᠭᠤᠯᠤᠨ ᠲᠡᠭᠦᠯᠳᠡᠷᠵᠢᠭᠦᠯᠵᠥ᠂ ᠰᠠᠭᠤᠭᠠᠯᠢ ᠠᠷᠠᠳ ᠤᠨ ᠡᠵᠡᠩᠨᠡᠯᠳᠡ᠂ ᠴᠠᠯᠢᠩ ᠪᠤᠯᠤᠨ ᠭᠥᠷᠥᠩᠭᠡ ᠶᠢᠨ ᠴᠢᠨᠠᠷᠳᠤ ᠤᠷᠤᠯᠭ᠎ᠠ ᠶᠢ ᠨᠡᠮᠡᠭᠳᠡᠭᠦᠯᠥᠨ᠂ ᠬᠡᠷ᠎ᠡ ᠶᠢᠨ | ᠠᠵᠢᠯᠳᠠᠳ ᠤᠨ ᠴᠠᠯᠢᠩ ᠤᠯᠭᠤᠮᠵᠢ ᠵᠢᠯ ᠲᠠᠷᠠᠭᠠᠯᠠᠨ ᠨᠡᠮᠡᠭᠳᠡᠭᠦ ᠶᠢ ᠪᠠᠳᠤᠯᠠᠵᠤ᠂ ᠠᠵᠢᠯ ᠨᠢᠭᠡ ᠪᠤᠯ ᠤᠯᠭᠤᠮᠵᠢ ᠠᠳᠠᠯᠢ ᠪᠤᠯᠭᠠᠨ᠎ᠠ᠃ ᠤᠨᠴᠠ ᠭᠥᠴᠢᠷᠳᠡᠯᠳᠤ | ᠭᠥᠮᠥᠰ ᠤᠨ ᠠᠵᠢᠯ ᠤᠯᠬᠤ ᠪᠠᠳᠤᠯᠠᠭ᠎ᠠ ᠶᠢ ᠬᠢᠨᠠᠮᠠᠭᠠᠢ ᠰᠠᠶᠢᠨ ᠬᠢᠵᠤ᠂ ᠬᠤᠳᠠ ᠪᠠᠯᠭᠠᠰᠤᠨ ᠤ ᠠᠵᠢᠯ ᠲᠠᠢ ᠭᠥᠮᠥᠨ ᠥᠭᠡᠢ ᠭᠡᠷ ᠪᠥᠯᠢ ᠶᠢ ᠤᠯᠠᠮ ᠴᠥᠭᠡᠳᠭᠡᠭᠦ ᠶᠢ | ᠪᠠᠳᠤᠯᠠᠨ᠎ᠠ᠃ | ᠪᠤᠳᠤᠯᠭ᠎ᠠ ᠶᠢᠨ ᠨᠠᠷᠢᠯᠢᠭ ᠤᠨᠤᠪᠴᠢᠳᠤ ᠬᠡᠷᠡᠭᠵᠢᠭᠦᠯᠥᠯᠳᠡ ᠲᠤᠭᠳᠠᠭᠠᠨ ᠴᠢᠩᠭᠠᠳᠬᠠᠵᠤ᠂ ᠶᠠᠳᠠᠭᠤ ᠶᠢ ᠲᠡᠳᠭᠦᠨ ᠭᠥᠴᠢᠷᠳᠡᠯ ᠢ ᠲᠤᠰᠠᠯᠠᠬᠤ ᠲᠤᠭᠳᠠᠴᠠ | ᠪᠥᠷᠢᠳᠥᠭᠦᠯᠥᠨᠡ᠃ ᠲᠤᠰᠬᠠᠢ ᠲᠥᠷᠥᠯ᠂ ᠠᠵᠢᠯ ᠮᠡᠷᠭᠡᠵᠢᠯ ᠪᠠ ᠨᠡᠶᠢᠭᠡᠮ ᠤᠨ ᠲᠠᠯ᠎ᠠ ᠪᠠᠷ ᠶᠠᠳᠠᠭᠤ ᠶᠢ ᠲᠡᠳᠭᠦᠭᠦ ᠬᠤᠯᠪᠤᠭᠠᠯᠠᠭᠰᠠᠨ ᠲᠤᠭᠳᠠᠴᠠ ᠶᠢ | ᠲᠡᠭᠦᠯᠳᠡᠷᠵᠢᠭᠦᠯᠥᠨ᠂ ᠠᠵᠤ ᠥᠢᠯᠡᠰ ᠢᠶᠠᠷ ᠲᠤᠯᠭᠠᠭᠤᠷᠢᠯᠠᠭᠤᠯᠤᠨ ᠬᠤᠪᠢ ᠪᠡᠶ᠎ᠡ ᠶᠢᠨ ᠬᠢᠨᠢ ᠭᠥᠭᠵᠢᠯᠳᠡ ᠶᠢᠨ ᠴᠢᠳᠠᠪᠤᠷᠢ ᠶᠢ ᠨᠢ ᠲᠡᠭᠡᠭᠰᠢᠯᠡᠭᠦᠯᠵᠥ᠂ ᠶᠠᠳᠠᠭᠤ ᠠᠴᠠ | ᠠᠩᠬᠢᠵᠢᠷᠠᠭᠤᠯᠤᠭᠰᠠᠨ ᠠᠵᠢᠯ ᠤᠨ ᠪᠥᠳᠥᠮᠵᠢ ᠪᠠᠨ ᠪᠠᠳᠤᠳᠬᠠᠨ᠂ ᠶᠠᠳᠠᠭᠤ ᠭᠥᠴᠢᠷᠳᠡᠯᠳᠤ ᠭᠥᠮᠥᠨ ᠠᠮᠠ ᠶᠢᠨ ᠤᠯᠠᠰᠢᠷᠡᠬᠤ ᠶᠢ ᠡᠷᠡᠰ ᠰᠡᠷᠭᠡᠶᠢᠯᠡᠨ᠎ᠡ︔ ᠶᠠᠳᠠᠭᠤ | ᠶᠢ ᠲᠡᠳᠭᠦᠭᠦ ᠠᠷᠭ᠎ᠠ ᠠᠪᠴᠠᠯ ᠢ ᠰᠢᠨᠡᠴᠢᠯᠡᠨ᠂ ᠶᠠᠳᠠᠭᠤ ᠶᠢ ᠲᠡᠳᠭᠦᠭᠦ ᠪᠠᠷ ᠲᠠᠶᠢᠴᠢᠯᠠᠭᠤᠯᠤᠭᠰᠠᠨ ᠨᠥᠭᠦᠪᠥᠷᠢ ᠤᠯᠭᠤᠬᠤ ᠲᠥᠷᠥ ᠶᠢᠨ ᠪᠤᠳᠤᠯᠭ᠎ᠠ ᠲᠤᠭᠳᠠᠭᠠᠵᠤ᠂ | ᠲᠠᠶᠢᠴᠢᠯᠠᠨ ᠲᠠᠭᠠᠭᠤᠯᠤᠭᠴᠢ ᠠᠵᠤ ᠠᠬᠤᠶᠢᠯᠠᠯ ᠪᠤᠯᠤᠨ ᠲᠤᠰᠬᠠᠢ ᠬᠠᠮᠳᠤᠷᠠᠯ ᠬᠤᠷᠰᠢᠶ᠎ᠠ ᠶᠢᠨ ᠶᠠᠳᠠᠭᠤ ᠡᠷᠥᠭᠡ ᠶᠢᠨ ᠡᠬᠢ ᠰᠤᠷᠪᠤᠯᠵᠢ ᠭᠥᠷᠥᠩᠭᠡ ᠬᠤᠭᠰᠢᠯ ᠢ | ᠴᠡᠭᠴᠡᠵᠢᠭᠦᠯᠥᠨ ᠨᠢᠭᠡᠳᠭᠡᠭᠦ ᠶᠢ ᠵᠤᠷᠢᠭᠵᠢᠭᠤᠯᠤᠨ᠂ ᠠᠰᠢᠭ ᠬᠤᠨᠵᠢᠪᠤᠷᠢ ᠨᠢᠭᠳᠠ ᠬᠤᠯᠪᠤᠯᠳᠤᠭᠰᠠᠨ ᠭᠥᠭᠵᠢᠯᠳᠡ ᠶᠢᠨ ᠬᠠᠮ ᠴᠤᠭᠴᠠ ᠪᠤᠯᠤᠨ ᠪᠥᠷᠢᠯᠳᠥᠭᠦᠯᠵᠥ᠂ | ᠶᠠᠳᠠᠭᠤ ᠭᠥᠴᠢᠷᠳᠡᠯᠳᠡᠢ ᠭᠥᠮᠥᠨ ᠠᠮᠠ ᠶᠢᠨ ᠡᠬᠢ ᠰᠤᠷᠪᠤᠯᠵᠢ ᠶᠢᠨ ᠠᠰᠢᠭᠯᠠᠯᠳᠠ ᠶᠢ ᠭᠥᠨᠵᠡᠭᠡᠶᠢᠷᠡᠭᠦᠯᠥᠨ᠂ ︽ᠲᠡᠰ ᠴᠢᠨᠠᠷᠳᠤ ᠮᠠᠯ ᠲᠠᠷᠢᠶᠠᠯᠠᠩ᠂ ᠬᠡᠪ ᠴᠢᠨᠰᠠᠭᠠᠳᠤ | ᠮᠠᠯᠵᠢᠬᠤ ᠲᠠᠷᠢᠶᠠᠯᠠᠬᠤ ᠤᠷᠤᠨ᠂ ᠪᠤᠯᠪᠠᠰᠤᠷᠠᠯ ᠰᠠᠶᠢᠳᠠᠢ ᠮᠠᠯᠴᠢᠨ ᠲᠠᠷᠢᠶᠠᠴᠢᠳ︾ ᠤᠨ ᠪᠤᠳᠤᠯᠭ᠎ᠠ ᠪᠤᠯᠤᠨ ᠪᠥᠭᠦ ᠴᠠᠷᠠᠭᠠᠨ ᠤ ᠵᠢᠭᠤᠯᠴᠢᠯᠠᠯ ᠤᠨ ᠪᠠᠶᠢᠭᠤᠯᠤᠯᠳᠠ | ᠶᠢᠨ ᠥᠷ᠎ᠡ ᠪᠥᠳᠥᠭᠡᠯ ᠢ ᠡᠳ᠋ᠯᠡᠭᠦᠯᠥᠨ ᠨᠡᠷ᠎ᠡ ᠲᠥᠷᠥ ᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ ᠢ ᠭᠥᠢᠴᠡᠳᠭᠡᠨ᠎ᠡ︔ ᠲᠤᠭᠳᠠᠮᠠᠯ ᠪᠤᠰᠤ ᠬᠢᠨᠠᠨ ᠬᠡᠮᠵᠢᠯᠳᠡ | ᠶᠢ ᠴᠢᠩᠭᠠᠳᠬᠠᠨ᠂ ᠪᠥᠭᠦ ᠭᠤᠭᠴᠤᠭᠠᠨ ᠳᠤ ᠮᠥᠷᠳᠡᠨ ᠯᠠᠪᠯᠠᠵᠤ᠂ ᠶᠠᠳᠠᠭᠤᠷᠠᠯ ᠤᠨ ᠨᠤᠷᠮ᠎ᠠ ᠶᠢ ᠥᠷᠭᠦᠯᠵᠢᠯᠡᠨ ᠪᠠᠭᠤᠷᠠᠭᠤᠯᠤᠨ᠂ ᠨᠠᠷᠢᠯᠢᠭ ᠤᠨᠤᠪᠴᠢᠳᠠᠢ ᠪᠠᠷ | ᠶᠠᠳᠠᠭᠤ ᠶᠢ ᠲᠡᠳᠭᠦᠭᠦ ᠠᠵᠢᠯ ᠤᠨ ᠴᠢᠨᠠᠷᠵᠢᠯ ᠢ ᠪᠠᠳᠤᠯᠠᠵᠤ᠂ ᠪᠥᠭᠦ ᠲᠠᠯ᠎ᠠ ᠪᠠᠷ ᠴᠢᠨᠡᠭᠡᠯᠢᠭ ᠨᠡᠶᠢᠭᠡᠮ ᠳᠤ ᠲᠠᠪᠰᠢᠬᠤ ᠳᠤ ᠠᠯᠢᠨ ᠢ ᠴᠤ ᠤᠷᠬᠢᠭᠳᠠᠭᠤᠯᠬᠤ ᠥᠭᠡᠢ | ᠪᠠᠶᠢᠬᠤ ᠶᠢ ᠪᠠᠳᠤᠯᠠᠨ᠎ᠠ᠃ | ᠨᠡᠶᠢᠭᠡᠮ ᠤᠨ ᠵᠠᠰᠠᠯᠳᠠ ᠶᠢ ᠰᠢᠨᠡᠴᠢᠯᠡᠨ᠂ ᠤᠯᠠᠨ ᠨᠡᠶᠢᠳᠡ ᠶᠢᠨ ᠠᠮᠤᠷ ᠲᠥᠪᠰᠢᠨ ᠤ ᠰᠢᠰᠲ᠋ᠧᠮ ᠢ ᠴᠤᠭᠴᠠᠯᠠᠨ᠎ᠠ᠃ ᠥᠭᠬᠢᠶᠡᠮᠤᠷ ᠨᠠᠶᠢᠷᠠᠮᠳᠠᠭᠤ ᠲᠠᠯ᠎ᠠ | ᠨᠤᠳᠤᠭ᠂ ᠥᠵᠡᠰᠭᠦᠯᠡᠩᠳᠤ ᠰᠠᠶᠢᠬᠠᠨ ᠡᠮᠥᠨᠡᠳᠥ ᠤᠳᠤᠭ ᠤᠨ ᠨᠡᠶᠢᠭᠡᠮ ᠤᠨ ᠵᠠᠰᠠᠯᠳᠠ ᠶᠢᠨ ᠠᠵᠢᠯ ᠢ ᠭᠥᠨᠵᠡᠭᠡᠢ ᠬᠡᠷᠡᠭᠵᠢᠭᠦᠯᠵᠥ᠂ ᠠᠶᠤᠯᠭᠦᠢ ᠥᠢᠯᠡᠳᠪᠥᠷᠢᠯᠡᠯ | ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠲᠤᠤᠱᠯᠠᠭᠤᠯᠤᠨ᠂ ᠪᠥᠭᠦ ᠶᠠᠪᠤᠴᠠ ᠶᠢᠨ ᠠᠯᠭᠠᠰᠠᠯ ᠥᠭᠡᠢ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠴᠤᠭᠴᠠᠯᠠᠵᠤ | ᠂ ᠡᠯ᠎ᠡ ᠵᠥᠢᠯ ᠤᠨ ᠠᠮᠤᠷ ᠲᠥᠪᠰᠢᠨ ᠤ ᠭᠡᠮ ᠰᠤᠭᠤᠭ ᠢ ᠡᠬᠢ ᠡᠭᠦᠰᠥᠯ ᠠᠴᠠ ᠨᠢ ᠠᠷᠢᠯᠭᠠᠨ᠂ ᠨᠤᠴᠢᠳᠠᠢ ᠠᠶᠤᠯ ᠭᠡᠨᠡᠳᠡᠯ ᠡᠭᠦᠰᠭᠦ ᠶᠢ ᠡᠷᠡᠰ ᠬᠤᠷᠢᠭᠯᠠᠨ᠎ᠠ᠃ | ᠵᠠᠬᠢᠳᠠᠯ ᠰᠤᠷᠪᠤᠯᠵᠢᠯᠠᠭ᠎ᠠ ᠠᠮᠤᠷ ᠲᠤᠭᠳᠠᠭᠤᠨ ᠤ ᠠᠵᠢᠯ ᠢ ᠴᠢᠩᠭᠠᠳᠬᠠᠨ᠂ ᠢᠯᠡ ᠲᠤᠳᠤ ᠬᠠᠷᠢᠭᠤᠴᠠᠯᠭ᠎ᠠ ᠬᠤᠪᠢᠳᠠᠭᠰᠠᠨ ᠮᠥᠷᠳᠡᠭᠡᠨ ᠬᠠᠤᠯᠢ ᠪᠠᠷ ᠵᠠᠰᠠᠬᠤ | ᠵᠠᠬᠢᠳᠠᠯ ᠰᠤᠷᠪᠤᠯᠵᠢᠯᠠᠭ᠎ᠠ ᠭᠡᠷᠡᠭᠵᠢᠭᠦᠯᠵᠥ᠂ ᠡᠯ᠎ᠡ ᠲᠥᠷᠥᠯ ᠤᠨ ᠵᠥᠷᠢᠴᠡᠯ ᠵᠢᠭᠤᠷᠭᠠᠨ ᠢ ᠤᠷᠢᠳᠴᠢᠯᠠᠨ ᠰᠡᠷᠭᠡᠶᠢᠯᠡᠭᠦ ᠪᠠ ᠲᠤᠬᠢᠳᠠᠢ ᠰᠢᠢᠳᠪᠥᠷᠢᠯᠡᠨ᠎ᠡ᠃ ᠢᠳᠡᠭᠡᠨ | ᠡᠮ ᠤᠨ ᠵᠥᠢᠯ ᠤᠨ ᠠᠮᠤᠷ ᠲᠥᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠥᠪᠰᠢᠨ ᠢ ᠪᠠᠳᠤᠯᠠᠨ᠎ᠠ | ᠃ ︽ᠠᠮᠤᠷ ᠠᠮᠤᠭᠤᠯᠠᠩ ᠤᠳᠤᠭ ᠤᠨ ᠡᠮᠥᠨᠡᠳᠥ ᠬᠤᠰᠢᠭᠤ︾ ᠶᠢᠨ ᠪᠠᠶᠢᠭᠤᠯᠤᠯᠳᠠ ᠶᠢ ᠴᠢᠩᠭᠠᠳᠬᠠᠨ᠂ ᠪᠥᠭᠦ ᠲᠠᠯ᠎ᠠ ᠶᠢᠨ ᠵᠠᠩᠬᠢᠴᠢᠯᠠᠭᠰᠠᠨ ᠨᠡᠶᠢᠭᠡᠮ ᠤᠨ | ᠵᠠᠰᠠᠯᠳᠠ ᠶᠢᠨ ᠰᠡᠷᠭᠡᠶᠢᠯᠡᠨ ᠡᠵᠡᠮᠰᠢᠭᠦ ᠲᠤᠭᠳᠠᠴᠠ ᠶᠢ ᠲᠡᠭᠦᠯᠳᠡᠷᠵᠢᠭᠦᠯᠵᠥ᠂ ᠰᠥᠯᠵᠢᠶᠡᠨ ᠴᠤᠤᠷᠬᠠᠯ ᠬᠢᠭᠡᠳ ᠨᠡᠶᠢᠭᠡᠮ ᠤᠨ ᠠᠮᠤᠷ ᠲᠤᠭᠳᠠᠭᠤᠨ ᠳᠤ ᠨᠥᠯᠥᠭᠡ | ᠪᠥᠭᠦᠢ ᠠᠰᠠᠭᠤᠳᠠᠯ ᠤᠳ ᠢ ᠬᠢᠨᠠᠬᠤ ᠮᠠᠭᠠᠳᠯᠠᠬᠤ ᠰᠡᠷᠭᠡᠶᠢᠯᠡᠭᠦ ᠪᠠ ᠰᠢᠢᠳᠪᠥᠷᠢᠯᠡᠭᠦ ᠭᠥᠴᠥᠯᠡᠴᠡ ᠪᠠᠨ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠪᠤᠰᠤ | ᠠᠵᠢᠯᠯᠠᠭ᠎ᠠ ᠳᠤ ᠡᠷᠡᠰ ᠴᠤᠬᠢᠯᠳᠠ ᠥᠭᠭᠦᠨ᠂ ᠠᠷᠠᠳ ᠨᠡᠶᠢᠳᠡ ᠶᠢᠨ ᠠᠮᠤᠷ ᠲᠠᠶᠢᠪᠤᠩ ᠢ ᠥᠨᠡᠨ ᠭᠦ ᠬᠠᠮᠠᠭᠠᠯᠠᠨ᠎ᠠ᠃ | ︵ᠭᠤᠷᠪᠠ︶ ᠠᠮᠢ ᠠᠬᠤᠶᠢᠴᠢ ᠭᠥᠭᠵᠢᠯᠳᠡ ᠶᠢ ᠨᠡᠩ ᠲᠤᠪᠤᠶᠢᠯᠭᠠᠨ᠂ ᠨᠡᠩ ᠭᠤᠴᠤ ᠰᠠᠶᠢᠬᠠᠨ ᠪᠠᠶᠢᠭᠠᠯᠢ ᠤᠷᠴᠢᠨ ᠢ ᠠᠷᠠᠳ ᠲᠤ ᠡᠳ᠋ᠯᠡᠭᠦᠯᠥᠨᠡ᠃ ︽ | ᠭᠥᠭᠡᠮᠳᠥᠭ ᠨᠤᠭᠤᠭᠠᠨ ᠠᠭᠤᠯᠠ ᠤᠰᠤ ᠪᠤᠯ ᠠᠯᠳᠠ ᠮᠥᠩᠭᠦᠨ ᠠᠭᠤᠯᠠ ᠤᠰᠤ︾ ᠭᠡᠰᠡᠨ ᠭᠥᠭᠵᠢᠯᠳᠡ ᠶᠢᠨ ᠤᠶᠢᠯᠠᠭᠠᠯᠳᠠ ᠶᠢ ᠪᠠᠳᠤᠳᠬᠠᠨ᠂ ᠠᠮᠢ ᠠᠬᠤᠢ ᠶᠢᠨ | ᠰᠤᠳᠤᠨ ᠪᠥᠳᠥᠭᠡᠭᠳᠡᠭᠦᠨ ᠨᠡᠩ ᠤᠯᠠᠨ ᠬᠩᠭᠠᠵᠤ᠂ ᠠᠷᠠᠳ ᠤᠯᠠᠨ ᠤ ᠡᠳᠥᠷ ᠢᠷᠡᠭᠦᠶ᠎ᠡ ᠨᠡᠮᠡᠭᠳᠡᠵᠥ ᠪᠤᠢ ᠲᠤᠬᠢᠳᠠᠢ ᠤᠷᠴᠢᠨ ᠤ ᠱᠠᠭᠠᠷᠳᠠᠯᠭ᠎ᠠ ᠶᠢ ᠬᠠᠩᠭᠠᠨ᠎ᠠ᠃ | ᠥᠢᠯᠡᠳᠪᠥᠷᠢᠯᠡᠯ ᠠᠮᠢᠳᠤᠷᠠᠯ ᠬᠤᠶᠠᠷ ᠲᠠᠯ᠎ᠠ ᠠᠴᠠ ᠭᠠᠷᠳᠠᠵᠤ᠂ ᠠᠮᠢ ᠠᠬᠤᠢ ᠡᠬᠢ ᠰᠤᠷᠪᠤᠯᠵᠢ ᠶᠢ ᠴᠢᠷᠮᠠᠶᠢᠨ ᠴᠡᠪᠡᠷᠰᠢᠭᠦᠯᠥᠨᠡ᠃ ᠪᠤᠬᠢᠷᠳᠤᠯ ᠥᠭᠡᠢ | ᠥᠢᠯᠡᠳᠪᠥᠷᠢᠯᠡᠯ ᠢ ᠢᠳᠡᠪᠬᠢᠳᠡᠢ ᠠᠬᠢᠭᠤᠯᠵᠤ᠂ ᠲᠡᠷᠢᠭᠦᠨ ᠤ ᠭᠥᠭᠵᠢᠭᠰᠡᠨ ᠥᠢᠯᠡᠳᠪᠥᠷᠢᠯᠡᠯ ᠤᠨ ᠴᠢᠳᠠᠮᠵᠢ ᠶᠢ ᠭᠥᠬᠢᠭᠦᠯᠵᠤ᠂ ᠠᠵᠤ ᠥᠢᠯᠡᠰ ᠤᠨ ᠬᠡᠯᠬᠢᠶ᠎ᠡ ᠶᠢ | ᠤᠷᠳᠤᠰᠬᠠᠨ ᠡᠬᠢ ᠰᠤᠷᠪᠤᠯᠵᠢ ᠶᠢᠨ ᠠᠰᠢᠭᠯᠠᠯᠳᠠ ᠶᠢ ᠲᠡᠭᠡᠭᠰᠢᠯᠡᠭᠦᠯᠵᠥ᠂ ᠬᠤᠷᠤᠭᠳᠠᠯ ᠪᠠᠭᠠᠳᠤ ᠡᠷᠬᠢᠯᠳᠡᠳᠤ ᠠᠵᠤ ᠥᠢᠯᠡᠰ ᠤᠨ ᠰᠢᠰᠲ᠋ᠧᠮ ᠢ ᠴᠤᠭᠴᠠᠯᠠᠨ᠂ | ᠤᠷᠴᠢᠨ ᠲᠤᠭᠤᠷᠢᠨ ᠤ ᠬᠠᠮᠠᠭᠠᠠᠯᠠᠯᠳᠠ ᠪᠤᠯᠤᠨ ᠠᠵᠤ ᠥᠢᠯᠡᠰ ᠤᠨ ᠭᠥᠭᠵᠢᠯᠳᠡ ᠶᠢ ᠡᠩ ᠵᠡᠷᠭᠡᠳᠡ ᠴᠢᠩᠭᠠᠳᠬᠠᠵᠤ᠂ ᠠᠵᠤ ᠠᠬᠤᠢ ᠶᠢᠨ ᠭᠥᠭᠵᠢᠯᠳᠡ ᠬᠢᠭᠡᠳ | ᠠᠮᠢ ᠠᠬᠤᠢ ᠶᠢᠨ ᠰᠠᠶᠢᠵᠢᠷᠠᠯᠳᠠ ᠶᠢ ᠴᠢᠨᠠᠷᠯᠢᠭ ᠠᠭᠤᠰᠤᠯᠴᠠᠭᠤᠯᠤᠨ᠎ᠠ︔ ᠪᠤᠬᠢᠷᠳᠤᠯ ᠥᠭᠡᠢ ᠠᠮᠢᠳᠤᠷᠠᠯ ᠢ ᠰᠤᠷᠳᠠᠯᠴᠢᠯᠡᠨ᠂ ᠠᠮᠢ ᠠᠬᠤᠢ ᠶᠢᠨ ᠰᠤᠶᠤᠯ ᠬᠢᠭᠡᠳ | ᠠᠮᠢ ᠠᠬᠤᠢ ᠶᠢᠨ ᠤᠬᠠᠮᠰᠠᠷ ᠢ ᠭᠥᠮᠥᠵᠢᠭᠦᠯᠵᠥ᠂ ᠠᠮᠢ ᠠᠬᠤᠢ ᠶᠢᠨ ᠪᠤᠯᠪᠠᠰᠤᠨ ᠢ ᠨᠡᠶᠢᠭᠡᠮ ᠤᠨ ᠭᠤᠤᠯᠯᠠᠭᠴᠢ ᠥᠷᠳᠡᠭ ᠤᠨ ᠥᠵᠡᠯᠳᠡ ᠪᠤᠯᠭᠠᠨ᠎ᠠ᠃ ᠵᠠᠮ ᠠᠶᠠᠯᠠᠯ | ᠬᠢᠭᠡᠳ ᠭᠡᠷᠡᠭᠯᠡᠭᠡᠨ ᠤ ᠲᠠᠯ᠎ᠠ ᠪᠠᠷ ᠪᠤᠬᠢᠷᠳᠤᠯ ᠬᠤᠷᠤᠭᠳᠠᠯ ᠢ ᠪᠠᠭᠠᠰᠬᠠᠬᠤ ᠶᠢ ᠵᠤᠷᠢᠭᠵᠢᠭᠤᠯᠤᠨ᠂ ᠰᠠᠭᠤᠭᠠᠯᠢ ᠠᠷᠠᠳ ᠤᠳ ᠠᠮᠢᠳᠤᠷᠠᠯ ᠳᠤ ᠪᠠᠨ ᠠᠵᠢᠯᠴᠢ | ᠠᠷᠪᠢᠴᠢ ᠰᠤᠷᠳᠠᠯᠳᠠᠢ᠂ ᠪᠤᠬᠢᠷᠳᠤᠯ ᠬᠤᠷᠤᠭᠳᠠᠯ ᠪᠠᠭᠠᠳᠠᠢ᠂ ᠪᠤᠯᠪᠠᠰᠤᠨ ᠴᠢᠬᠢᠷᠠᠭ ᠮᠤᠷᠠᠯᠳᠠᠢ ᠪᠤᠯᠬᠤ ᠶᠢ ᠪᠡᠶᠡᠯᠡᠭᠦᠯᠥᠨ᠎ᠡ᠃ | ᠴᠡᠭᠴᠡᠯᠡᠯᠳᠡ ᠵᠠᠰᠠᠯᠳᠠ ᠬᠤᠶᠠᠷ ᠲᠠᠯ᠎ᠠ ᠪᠠᠷ ᠴᠢᠩᠭᠠᠳᠬᠠᠨ᠂ ᠠᠮᠢ ᠠᠬᠤᠢ ᠶᠢᠨ ᠪᠥᠳᠥᠮᠵᠢ ᠪᠠᠨ ᠭᠥᠴᠥᠯᠡᠨ ᠪᠠᠬᠢᠵᠢᠭᠦᠯᠥᠨ᠎ᠡ᠃ ᠭᠠᠵᠠᠷ ᠲᠤᠤᠷᠠᠬᠢ | ᠤᠰᠤᠨ ᠤ ᠨᠡᠭᠡᠭᠡᠨ ᠠᠰᠢᠭᠯᠠᠯᠳᠠ ᠶᠢᠨ ᠬᠠᠷᠢᠭᠤᠴᠠᠯᠭ᠎ᠠ ᠨᠡᠭᠡᠮᠵᠢᠯᠡᠭᠦ ᠲᠥᠷᠢᠮ ᠲᠤᠭᠳᠠᠭᠠᠨ᠂ ᠬᠡᠳᠥᠷᠭᠡᠢ ᠤᠰᠤ ᠭᠡᠷᠡᠭᠯᠡᠭᠰᠡᠨ ᠭᠠᠵᠠᠷ ᠤᠷᠤᠨ ᠳᠤ ︽ᠬᠤᠳᠳᠤᠭ ᠢ | ᠪᠢᠳᠡᠭᠦᠮᠵᠢᠯᠡᠨ ᠲᠠᠷᠢᠶᠠᠨ ᠭᠠᠵᠠᠷ ᠢ ᠪᠠᠭᠠᠰᠬᠠᠬᠤ︾ ᠠᠪᠴᠠᠯ ᠠᠪᠴᠤ᠂ ᠠᠰᠢᠭᠯᠠᠯᠳᠠ ᠨᠥᠭᠦᠯᠳᠡ ᠶᠢ ᠠᠭᠠᠵᠢᠮ ᠢᠶᠠᠷ ᠲᠡᠩᠴᠡᠭᠦᠷᠢᠰᠢᠭᠦᠯᠥᠨᠡ︔ ᠭᠤᠤᠯ ᠤᠨ | ᠲᠠᠷᠤᠭᠠᠴᠢ ᠶᠢᠨ ᠲᠥᠷᠢᠮ ᠢ ᠪᠥᠭᠦ ᠲᠠᠯ᠎ᠠ ᠪᠠᠷ ᠭᠡᠷᠡᠭᠵᠢᠭᠦᠯᠥᠨ᠂ ᠤᠷᠤᠰᠬᠠᠯ ᠤᠨ ᠡᠬᠢ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠤ᠂ | ᠬᠤᠳᠠ ᠭᠥᠳᠡᠭᠡ ᠶᠢᠨ ᠤᠷᠴᠢᠨ ᠲᠤᠭᠤᠷᠢᠨ ᠤ ᠵᠠᠰᠠᠯᠳᠠ ᠶᠢ ᠴᠡᠪᠡᠷ ᠲᠢᠭᠯᠢᠮ ᠲᠠᠢ ᠪᠤᠯᠭᠠᠬᠤ ᠲᠥᠷᠢᠮ ᠢ ᠤᠷᠳᠤ ᠬᠤᠭᠤᠴᠠᠭᠠᠨ᠎ᠠ ᠪᠠᠷᠢᠮᠳᠠᠯᠠᠨ᠂ ᠥᠵᠡᠰᠭᠦᠯᠡᠩᠳᠤ | ᠨᠤᠳᠤᠭ ᠤᠰᠤᠨ ᠤ ᠪᠠᠨ ᠪᠠᠶᠢᠭᠤᠯᠤᠯᠳᠠ ᠶᠢᠨ ᠥᠷ᠎ᠡ ᠪᠥᠳᠥᠭᠡᠯ ᠢ ᠬᠠᠮᠠᠭᠠᠯᠠᠨ᠎ᠠ᠃ ᠠᠮᠢ ᠠᠬᠤᠶᠢᠴᠢ ᠠᠵᠤ ᠠᠬᠤᠢ ᠶᠢᠨ ᠭᠥᠭᠵᠢᠯᠳᠡ ᠶᠢ ᠲᠥᠷᠭᠡᠳᠭᠡᠨ᠂ | ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ ᠥᠷᠭᠦᠯᠵᠢᠯᠡᠵᠥ ᠭᠡᠷᠡᠭᠵᠢᠭᠦᠯᠥᠨ᠂ ᠤᠢ ᠰᠢᠭᠤᠢ ᠶᠢᠨ ᠪᠥᠷᠭᠦᠴᠡ ᠶᠢᠨ ᠨᠤᠷᠮ᠎ᠠ ᠶᠢ 25% ᠲᠠᠪᠠᠭᠤᠯᠵᠤ᠂ | ᠤᠷᠭᠤᠮᠠᠯ ᠪᠥᠷᠭᠦᠪᠴᠢ ᠶᠢᠨ ᠨᠤᠷᠮ᠎ᠠ ᠶᠢ 50% ᠠᠴᠠ ᠲᠡᠭᠡᠭᠰᠢ ᠲᠤᠭᠳᠠᠪᠤᠷᠢᠵᠢᠭᠤᠯᠤᠨ᠂ ᠤᠯᠤᠰ ᠤᠨ ᠠᠮᠢ ᠠᠬᠤᠶᠢᠴᠢ ᠠᠵᠤ ᠥᠢᠯᠡᠳᠪᠥᠷᠢ ᠶᠢᠨ ᠵᠢᠱᠢᠶᠡᠴᠢ | ᠤᠷᠤᠨ ᠪᠤᠯᠤᠨ ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶᠡᠴᠢ ᠬᠤᠰᠢᠭᠤ ᠶᠢ ᠴᠤᠭᠴᠠᠯᠠᠨ᠎ᠠ᠃ | ᠬᠠᠮᠢᠶᠠᠷᠤᠯᠳᠠ ᠬᠠᠮᠠᠭᠠᠯᠠᠯᠳᠠ ᠬᠢᠭᠡᠳ ᠬᠠᠤᠯᠢ ᠭᠡᠷᠡᠭᠵᠢᠭᠦᠯᠥᠯᠳᠡ ᠬᠤᠶᠠᠷ ᠲᠠᠯ᠎ᠠ ᠪᠠᠷ ᠪᠠᠷᠢᠮᠳᠠᠯᠠᠨ᠂ ᠠᠮᠢ ᠠᠬᠤᠢ ᠶᠢᠨ ᠬᠤᠷᠢᠭᠯᠠᠯᠳᠠ ᠶᠢᠨ ᠱᠤᠭᠤᠮ ᠢ | ᠪᠠᠬᠢᠵᠢᠭᠦᠯᠥᠨ᠎ᠡ᠃ ᠠᠮᠢ ᠠᠬᠤᠢ ᠶᠢᠨ ᠬᠤᠷᠢᠭ᠎ᠠ ᠱᠤᠭᠤᠮ᠂ ᠢᠮᠠᠭᠳᠠ ᠶᠢᠨ ᠥᠨᠳᠥᠰᠤᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠯᠳᠡ ᠭᠥᠭᠵᠢᠭᠦᠯᠥᠯᠳᠡ | ᠶᠢᠨ ᠵᠠᠭᠠᠭ ᠰᠠᠪᠠ ᠭᠡᠭᠦ ᠭᠤᠷᠪᠠᠨ ᠬᠤᠷᠢᠭ᠎ᠠ ᠱᠤᠭᠤᠮ ᠢ ᠪᠠᠳᠤ ᠰᠠᠬᠢᠵᠤ᠂ ᠤᠰᠤ ᠪᠠᠷ ᠨᠡᠭᠡᠭᠡᠯᠳᠡ ᠬᠢᠭᠦ ᠶᠢ ᠲᠤᠭᠳᠠᠭᠠᠬᠤ ᠪᠤᠯᠤᠨ ᠪᠡᠯᠴᠢᠭᠡᠷ ᠤᠨ ᠪᠠᠭᠳᠠᠭᠠᠮᠵᠢ ᠪᠠᠷ | ᠮᠠᠯ ᠤᠨ ᠲᠤᠭ᠎ᠠ ᠲᠤᠯᠤᠭᠠᠢ ᠲᠤᠭᠳᠠᠭᠠᠬᠤ ᠶᠢ ᠪᠠᠷᠢᠮᠳᠠᠯᠠᠨ᠂ ᠪᠡᠯᠴᠢᠭᠡᠷᠯᠡᠭᠦᠯᠭᠦ ᠶᠢ ᠬᠤᠷᠢᠭᠯᠠᠬᠤ ᠪᠠ ᠰᠡᠯᠭᠦᠨ ᠮᠠᠯᠵᠢᠬᠤ ᠶᠢ ᠴᠢᠩᠭ᠎ᠠ ᠪᠠᠷᠢᠮᠳᠠᠯᠠᠵᠤ᠂ ᠠᠳᠠᠷ | ᠬᠠᠭᠠᠯᠪᠤᠷᠢᠯᠠᠵᠤ ᠤᠰᠤᠯᠠᠯᠳᠠ ᠬᠢᠭᠦ ᠪᠠ ᠤᠰᠤᠯᠠᠯᠳᠠ ᠶᠢᠨ ᠲᠠᠷᠢᠶ᠎ᠠ ᠨᠡᠮᠡᠵᠥ ᠥᠷᠭᠡᠳᠭᠡᠭᠦ ᠶᠢ ᠲᠠᠰᠤ ᠬᠤᠷᠢᠭᠯᠠᠨ᠂ ᠮᠠᠯ ᠲᠠᠷᠢᠶᠠᠯᠠᠩ ᠤᠰᠤᠨ ᠶᠠᠪᠤᠳᠠᠯ ᠤᠨ | ᠶᠡᠷᠥᠩᠭᠡᠶᠢᠯᠡᠭᠰᠡᠨ ᠬᠠᠤᠯᠢ ᠬᠡᠷᠡᠭᠵᠢᠭᠦᠯᠥᠯᠳᠡ ᠪᠤᠯᠤᠨ ᠤᠯᠠᠨ ᠰᠠᠯᠠᠭ᠎ᠠ ᠮᠥᠴᠢᠷ ᠬᠤᠯᠪᠤᠭᠠᠯᠠᠨ ᠬᠠᠤᠯᠢ ᠬᠡᠷᠡᠭᠵᠢᠭᠦᠯᠭᠦ ᠠᠪᠴᠠᠯ ᠢ ᠬᠡᠷᠡᠭᠵᠢᠭᠦᠯᠥᠨ᠂ ᠬᠠᠤᠯᠢ | ᠭᠡᠷᠡᠭᠵᠢᠭᠦᠯᠥᠯᠳᠡ ᠶᠢᠨ ᠬᠠᠮ ᠭᠥᠴᠥᠨ ᠢ ᠪᠥᠷᠢᠳᠥᠭᠦᠯᠥᠨᠡ᠃ ᠤᠷᠴᠢᠨ ᠲᠤᠭᠤᠷᠢᠨ ᠤ ᠬᠢᠨᠠᠯᠳᠠ ᠬᠠᠮᠢᠶᠠᠷᠤᠯᠳᠠ ᠶᠢᠨ ᠪᠥᠭᠦ ᠲᠠᠯ᠎ᠠ ᠶᠢᠨ ᠬᠠᠮᠤᠷᠤᠯᠳᠠ ᠶᠢ | ᠠᠬᠢᠭᠤᠯᠵᠤ᠂ ᠤᠷᠴᠢᠨ ᠲᠤᠭᠤᠷᠢᠨ ᠡᠪᠳᠡᠭᠰᠡᠨ ᠬᠠᠤᠯᠢ ᠪᠤᠰᠤ ᠡᠯᠳᠡᠪ ᠶᠠᠯᠠᠳᠤ ᠠᠵᠢᠯᠯᠠᠭ᠎ᠠ ᠨᠤᠭᠤᠳ ᠲᠤ ᠤᠨᠤᠴᠢᠳᠠᠢ ᠴᠢᠩᠭ᠎ᠠ ᠴᠤᠬᠢᠯᠳᠠ ᠥᠭᠴᠥ᠂ ᠬᠠᠤᠯᠢ | ᠰᠠᠬᠢᠯᠭ᠎ᠠ ᠶᠢ ᠡᠷᠡᠰ ᠴᠢᠩᠭ᠎ᠠ ᠵᠢᠷᠤᠮᠯᠠᠭᠤᠯᠤᠨ᠂ ᠠᠮᠢ ᠠᠬᠤᠢ ᠶᠢᠨ ᠬᠤᠷᠢᠭ᠎ᠠ ᠱᠤᠭᠤᠮ ᠤᠨ ᠬᠠᠮᠠᠭᠠᠯᠠᠯᠳᠠ ᠶᠢ ︽ᠬᠠᠯᠳᠠᠰᠢ ᠥᠭᠡᠢ ᠲᠠᠷᠬᠠᠨ ᠬᠢᠯᠢ︾ ᠪᠤᠯᠭᠠᠨ᠎ᠠ᠃ | ︵ᠲᠥᠷᠪᠡ︶ ᠥᠭᠡᠷᠡᠴᠢᠯᠡᠯᠳᠡ ᠰᠢᠨᠡᠴᠢᠯᠡᠯᠳᠡ ᠶᠢ ᠭᠥᠨᠵᠡᠭᠡᠢ ᠠᠬᠢᠭᠤᠯᠵᠤ᠂ ᠨᠡᠩ ᠠᠮᠢᠳᠤᠯᠢᠭ ᠲᠤᠭᠳᠠᠴᠠ ᠪᠠᠶᠢᠭᠤᠯᠥᠮᠵᠢ ᠪᠠᠷ ᠠᠷᠠᠳ ᠲᠤ ᠲᠥᠭᠦᠮ | ᠥᠵᠡᠭᠦᠯᠥᠨ᠎ᠡ᠃ ᠲᠡᠭᠡᠳᠤ ᠱᠠᠳᠤᠨ ᠤ ᠥᠭᠡᠷᠡᠴᠢᠯᠡᠯᠳᠡ ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠵᠤ᠂ ᠥᠭᠡᠷᠡᠴᠢᠯᠡᠯᠳᠡ ᠶᠢᠨ ᠨᠠᠷᠢᠪᠴᠢ ᠲᠤᠤᠱᠯᠠᠯᠳᠠ ᠶᠢᠨ | ᠴᠢᠳᠠᠮᠵᠢ ᠶᠢ ᠲᠡᠭᠡᠭᠰᠢᠯᠡᠭᠦᠯᠥᠨ᠂ ᠥᠭᠡᠷᠡᠴᠢᠯᠡᠯᠳᠡ ᠶᠢᠨ ᠠᠰᠢᠭ ᠢ ᠭᠥᠢᠴᠡᠳ ᠪᠠᠳᠠᠷᠭᠤᠯᠤᠨ᠂ ᠤᠳᠤᠭ ᠤᠨ ᠡᠮᠥᠨᠡᠳᠤ ᠬᠤᠰᠢᠭᠤᠨ ᠤ ᠤᠨᠴᠠᠯᠢᠭ ᠢ | ᠪᠠᠳᠠᠷᠠᠭᠤᠯᠤᠭᠰᠠᠨ ᠨᠢᠭᠡ ᠰᠢᠷᠢᠰ ᠥᠭᠡᠷᠡᠴᠢᠯᠡᠯᠳᠡ ᠶᠢᠨ ᠨᠡᠷᠡᠳᠤ ᠲᠡᠮᠳᠡᠭ ᠬᠢᠭᠡᠳ ᠰᠤᠳᠤᠨ ᠠᠮᠵᠢᠯᠳᠠ ᠶᠢ ᠪᠥᠷᠢᠳᠥᠭᠦᠯᠥᠨᠡ᠃ | ᠥᠢᠯᠡᠳᠥᠯᠭᠡ ᠬᠡᠷᠡᠭᠯᠡᠯᠳᠡ ᠶᠢ ᠲᠤᠪᠤᠶᠢᠯᠭᠠᠨ᠂ ᠭᠤᠤᠯᠳᠠᠯᠭᠠᠳᠤ ᠬᠥᠷᠢᠶ᠎ᠡ ᠬᠡᠪᠴᠢᠶ᠎ᠡ ᠪᠤᠯᠤᠨ ᠵᠠᠩᠬᠢᠯᠠᠭ᠎ᠠ ᠶᠢᠨ ᠭᠤᠭᠴᠤᠭᠠᠨ ᠤ ᠥᠭᠡᠷᠡᠴᠢᠯᠡᠯᠳᠡ ᠶᠢ ᠠᠬᠢᠭᠤᠯᠤᠨ᠎ᠠ | ᠃ ᠥᠭᠡᠷᠡᠴᠢᠯᠡᠯᠳᠡ ᠶᠢᠨ ᠥᠷ᠎ᠡ ᠪᠥᠳᠥᠭᠡᠯ ᠤᠨ ᠲᠥᠭᠡᠮᠡᠯᠵᠢᠯᠳᠡ ᠭᠡᠷᠡᠭᠯᠡᠯᠳᠡ ᠶᠢ ᠤᠯᠠᠮ ᠲᠡᠭᠡᠭᠰᠢᠯᠡᠭᠦᠯᠵᠥ᠂ ᠠᠮᠢ ᠠᠬᠤᠢ ᠶᠢᠨ ᠪᠤᠯᠪᠠᠰᠤᠨ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ᠂ ᠵᠠᠬ᠎ᠠ ᠲᠡᠯᠭᠡᠭᠦᠷ ᠲᠤ ᠤᠷᠤᠬᠤ ᠲᠥᠷᠢᠮ ᠪᠤᠯᠤᠨ ᠮᠠᠯᠵᠢᠬᠤ ᠲᠠᠷᠢᠶᠠᠯᠠᠬᠤ ᠤᠷᠤᠨ ᠤ ᠶᠡᠷᠥᠩᠭᠡᠶᠢᠯᠡᠭᠰᠡᠨ ᠥᠭᠡᠷᠡᠴᠢᠯᠡᠯᠳᠡ ᠶᠢ | ᠭᠥᠨᠵᠡᠭᠡᠶᠢᠷᠡᠭᠦᠯᠥᠨ᠂ ᠲᠤᠭᠳᠠᠴᠠ ᠶᠢᠨ ᠲᠠᠪᠬᠤᠷᠭᠠᠨ ᠳᠤ ᠭᠥᠴᠥᠨ ᠵᠥᠢᠯ ᠤᠨ ᠬᠢᠵᠠᠭᠠᠷᠯᠠᠯ ᠢ ᠡᠪᠳᠡᠵᠥ᠂ ᠭᠥᠭᠵᠢᠯᠳᠡ ᠶᠢᠨ ᠭᠥᠳᠡᠯᠭᠡᠭᠴᠢ ᠭᠥᠴᠥᠨ ᠢ | ᠲᠡᠭᠡᠭᠰᠢᠯᠡᠭᠦᠯᠥᠨ᠎ᠡ᠃ ᠪᠡᠯᠡ ᠤᠷᠤᠭᠤᠯᠬᠤ ᠪᠡᠯᠡ ᠬᠤᠷᠠᠮᠳᠤᠭᠤᠯᠬᠤ ᠲᠠᠪᠴᠠᠩ ᠤᠨ ᠪᠤᠳᠠᠳᠤ ᠠᠵᠢᠯᠯᠠᠮᠵᠢ ᠶᠢ ᠲᠥᠷᠭᠡᠳᠭᠡᠵᠥ᠂ ᠡᠳ᠋ ᠤᠨ ᠵᠠᠰᠠᠭ ᠤᠨ ᠪᠡᠯᠡ | ᠮᠥᠩᠭᠦᠨ ᠤ ᠤᠳᠤᠷᠢᠳᠤᠨ ᠵᠢᠯᠤᠭᠤᠳᠬᠤ ᠥᠢᠯᠡᠳᠥᠯ ᠢ ᠭᠥᠢᠴᠡᠳ ᠪᠠᠳᠠᠷᠠᠭᠤᠯᠵᠤ᠂ ᠰᠠᠭᠤᠷᠢ ᠲᠥᠭᠦᠭᠡᠷᠤᠮᠵᠢ᠂ ᠤᠯᠠᠨ ᠨᠡᠶᠢᠳᠡ ᠶᠢᠨ ᠠᠵᠢᠯ ᠥᠢᠯᠡᠰ᠂ ᠨᠡᠶᠢᠳᠡ | ᠶᠢᠨ ᠥᠢᠯᠡᠴᠢᠯᠡᠭᠡ ᠶᠢᠨ ᠬᠥᠷᠢᠶ᠎ᠡ ᠬᠡᠪᠴᠢᠶᠡᠨ ᠤ ᠬᠤᠪᠢ ᠤᠷᠤᠭᠤᠯᠤᠯᠳᠠ ᠪᠡᠯᠡ ᠤᠷᠤᠭᠤᠯᠤᠯᠳᠠ ᠶᠢ ᠡᠷᠢᠯᠬᠢᠯᠡᠨ᠎ᠡ᠃ ᠨᠠᠵᠠᠭᠠᠢ ᠲᠠᠯ᠎ᠠ ᠶᠢᠨ ᠲᠠᠩᠰᠠ᠂ ᠡᠷᠭᠡ ᠶᠢᠨ | ᠲᠠᠩᠰᠠ᠂ ᠬᠠᠷᠢᠭᠤᠴᠠᠯᠭ᠎ᠠ ᠶᠢᠨ ᠲᠠᠩᠰᠠ ᠶᠢᠨ ᠬᠠᠮᠢᠶᠠᠷᠤᠯᠳᠠ ᠶᠢᠨ ᠵᠠᠭᠪᠤᠷ ᠢ ᠪᠥᠭᠦ ᠲᠠᠯ᠎ᠠ ᠪᠠᠷ ᠲᠥᠭᠡᠮᠡᠯᠵᠢᠭᠦᠯᠵᠥ᠂ ᠡᠯ᠎ᠡ ᠲᠥᠷᠥᠯ ᠤᠨ ᠵᠠᠬ᠎ᠠ ᠲᠡᠯᠭᠡᠭᠦᠷ ᠤᠨ | ᠭᠤᠤᠯ ᠴᠤᠭᠴᠠ ᠶᠢᠨ ᠠᠮᠢᠳᠤᠯᠢᠭ ᠭᠥᠴᠥᠨ ᠢ ᠭᠥᠭᠵᠢᠭᠡᠨ᠂ ᠨᠡᠶᠢᠳᠡ ᠶᠢᠨ ᠪᠤᠰᠤ ᠠᠵᠤ ᠠᠬᠤᠶᠢᠯᠠᠯ ᠬᠠᠤᠯᠢ ᠶᠤᠰᠤᠭᠠᠷ ᠨᠡᠩ ᠤᠯᠠᠨ ᠭᠥᠷᠢᠶ᠎ᠡ ᠬᠡᠪᠴᠢᠶᠡᠨ ᠳᠤ | ᠤᠷᠤᠬᠤ ᠶᠢ ᠵᠤᠷᠢᠭᠵᠢᠭᠤᠯᠵᠤ᠂ ᠥᠭᠡᠷᠡᠴᠢᠯᠡᠯᠳᠡ ᠶᠢᠨ ᠠᠷᠭ᠎ᠠ ᠠᠪᠴᠠᠯ ᠤᠨ ᠤᠷᠤᠨᠵᠢᠯᠳᠡ ᠪᠠᠷ ᠠᠷᠠᠳ ᠤᠯᠠᠨ ᠳᠤ ᠠᠰᠢᠭ ᠭᠥᠷᠳᠡᠭᠡᠨ᠎ᠡ᠃ | ᠰᠢᠨᠡᠴᠢᠯᠡᠯᠳᠡ ᠪᠠᠷ ᠲᠠᠶᠢᠴᠢᠯᠠᠭᠤᠯᠤᠨ᠂ ᠭᠥᠭᠵᠢᠯᠳᠡ ᠶᠢᠨ ᠬᠡᠯᠪᠡᠷᠢ ᠶᠢᠨ ᠥᠭᠡᠷᠡᠴᠢᠯᠡᠯᠳᠡ ᠬᠢᠭᠡᠳ ᠭᠥᠳᠡᠯᠭᠡᠭᠴᠢ ᠭᠥᠴᠥᠨ ᠤ ᠬᠤᠪᠢᠷᠠᠯᠳᠠ ᠶᠢ | ᠠᠬᠢᠭᠤᠯᠤᠨ᠎ᠠ᠃ ᠥᠨᠳᠥᠰᠥᠨ ᠱᠠᠳᠤᠨ ᠤ ᠡᠭᠦᠳᠥᠨ ᠪᠥᠳᠥᠭᠡᠯᠳᠡ ᠶᠢᠨ ᠵᠤᠷᠢᠭ ᠰᠠᠨᠠᠭ᠎ᠠ ᠶᠢ ᠭᠥᠢᠴᠡᠳ ᠪᠠᠳᠠᠷᠠᠭᠤᠯᠤᠨ᠂ ᠰᠢᠨᠵᠢᠯᠡᠭᠡ ᠮᠡᠷᠭᠡᠵᠢᠯ ᠤᠨ ᠪᠥᠳᠥᠭᠡᠯ ᠤᠨ | ᠬᠤᠪᠢᠷᠠᠭᠤᠯᠤᠯᠳᠠ ᠪᠤᠯᠤᠨ ᠮᠡᠷᠭᠡᠵᠢᠯ ᠤᠨ ᠲᠥᠭᠡᠮᠡᠯᠵᠢᠯᠳᠡ ᠶᠢ ᠲᠥᠷᠭᠡᠳᠭᠡᠨ᠂ ᠪᠥᠭᠦ ᠨᠡᠶᠢᠭᠡᠮ ᠤᠨ ᠬᠠᠮᠵᠢᠯᠴᠠᠨ ᠰᠢᠨᠡᠴᠢᠯᠡᠭᠦ ᠠᠵᠢᠯᠯᠠᠭ᠎ᠠ ᠶᠢ ᠭᠥᠭᠵᠢᠭᠡᠵᠤ᠂ | ᠰᠢᠨᠡᠴᠢᠯᠡᠭᠴᠢ ᠪᠡᠶᠡᠴᠡ ᠴᠤᠭᠴᠠ ᠪᠤᠯᠤᠨ ᠠᠰᠢᠭ ᠭᠥᠷᠳᠡᠭᠦ ᠡᠳᠡᠭᠡᠳ ᠤᠨ ᠭᠥᠷᠳᠡᠮᠵᠢ ᠬᠠᠨᠤᠯ ᠢ ᠥᠨᠡᠨ ᠭᠦ ᠴᠢᠩᠭᠠᠳᠬᠠᠨ᠎ᠠ᠃ ᠥᠪᠡᠷ ᠤᠨ ᠥᠷᠳᠡᠭ ᠢᠶᠠᠷ | ᠲᠤᠤᠷ᠎ᠠ ᠨᠢᠭᠡ ᠪᠥᠯᠥᠭ ᠥᠢᠯᠡᠰ ᠪᠥᠳᠥᠭᠡᠯᠳᠡ ᠶᠢᠨ ᠤᠷᠤᠨ ᠵᠠᠢ ᠶᠢ ᠲᠥᠷᠭᠡᠳᠭᠡᠵᠥ ᠴᠤᠭᠴᠠᠯᠠᠨ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠳ ᠤᠨ ᠰᠢᠨ᠎ᠡ | ᠮᠡᠷᠭᠡᠵᠢᠯ ᠠᠰᠢᠭᠯᠠᠬᠤ ᠶᠢ ᠲᠡᠮᠵᠢᠵᠤ ᠵᠤᠷᠢᠭᠵᠢᠭᠤᠯᠤᠨ᠂ ᠰᠢᠨ᠎ᠡ ᠲᠠᠸᠠᠷ ᠡᠭᠦᠳᠥᠨ ᠰᠢᠨ᠎ᠡ ᠱᠠᠭᠠᠷᠳᠠᠯᠭ᠎ᠠ ᠶᠢ ᠬᠠᠩᠭᠠᠵᠤ ᠰᠢᠨ᠎ᠡ ᠪᠠᠶᠢᠳᠠᠯ ᠢ ᠭᠥᠭᠵᠢᠭᠦᠯᠥᠨ᠎ᠡ᠃ | ᠴᠢᠳᠠᠪᠤᠷᠢᠳᠠᠨ ᠡᠯᠰᠡᠭᠦ ᠪᠠ ᠪᠤᠯᠪᠠᠰᠤᠷᠠᠭᠤᠯᠤᠨ ᠭᠥᠮᠥᠵᠢᠭᠦᠯᠭᠦ ᠶᠢ ᠪᠠᠷᠢᠮᠳᠠᠯᠠᠨ᠂ ︽ᠴᠠᠬᠢᠷᠮ᠎ᠠ ᠴᠢᠳᠠᠪᠤᠷᠢᠳᠠᠨ︾ ᠤ ᠢᠨᠵᠧᠨᠧᠷᠢᠩ ᠢ ᠭᠥᠨᠵᠡᠭᠡᠢ ᠭᠡᠷᠡᠭᠵᠢᠭᠦᠯᠵᠥ᠂ | ᠴᠢᠳᠠᠪᠤᠷᠢᠳᠠᠨ ᠤᠷᠢᠵᠤ ᠥᠯᠡᠳᠡᠭᠡᠨ ᠴᠢᠳᠠᠬᠤ ᠲᠥᠷᠥ ᠶᠢᠨ ᠪᠤᠳᠤᠯᠭ᠎ᠠ ᠶᠢ ᠲᠤᠭᠳᠠᠭᠠᠨ᠂ ᠥᠨᠳᠥᠷ ᠲᠠᠪᠬᠤᠷᠭ᠎ᠠ ᠶᠢᠨ ᠴᠢᠳᠠᠪᠤᠷᠢᠳᠠᠨ ᠪᠤᠯᠤᠨ ᠰᠢᠨ᠎ᠡ ᠶᠢ ᠡᠭᠦᠳᠴᠤ | ᠥᠢᠯᠡᠰ ᠪᠤᠰᠬᠠᠬᠤ ᠪᠥᠯᠭᠦᠮ ᠢ ᠤᠷᠢᠬᠤ ᠪᠠ ᠪᠤᠶᠢᠵᠢᠭᠤᠯᠤᠨ᠎ᠠ᠃ ᠠᠺᠠᠳᠧᠮᠢᠴᠢ ᠶᠢᠨ ᠠᠵᠢᠯ ᠤᠨ ᠥᠷᠳᠡᠭᠡᠨ ᠤ ᠰᠢᠨᠵᠢᠯᠡᠭᠡ ᠰᠢᠨᠡᠴᠢᠯᠡᠯᠳᠡ ᠶᠢᠨ ᠴᠢᠳᠠᠪᠤᠷᠢ ᠶᠢ | ᠤᠯᠠᠮ ᠭᠥᠭᠵᠢᠭᠡᠵᠥ᠂ ᠬᠢᠯᠢ ᠠᠯᠤᠰᠯᠠᠨ ᠬᠠᠮᠳᠤᠷᠠᠯᠴᠠᠬᠤ᠂ ᠰᠢᠯᠢᠳᠡᠭ ᠡᠬᠢ ᠰᠤᠷᠪᠤᠯᠵᠢ ᠬᠢᠭᠡᠳ ᠪᠡᠯᠡ ᠭᠥᠷᠥᠩᠭᠡ ᠲᠠᠳᠠᠬᠤ ᠠᠴᠢᠶᠠᠯᠠᠪᠤᠷᠢ ᠪᠤᠯᠭᠠᠨ᠎ᠠ᠃ | ᠴᠢᠯᠥᠭᠡᠳᠡᠢ ᠪᠠᠷ ᠲᠠᠶᠢᠴᠢᠯᠠᠬᠤ ᠶᠢ ᠲᠤᠪᠤᠶᠢᠯᠭᠠᠨ᠂ ᠤᠷᠤᠨ ᠬᠡᠪᠴᠢᠶᠡᠨ ᠤ ᠬᠠᠮᠳᠤᠷᠠᠯᠴᠠᠭᠠᠨ ᠢ ᠭᠥᠨᠵᠡᠭᠡᠢ ᠠᠬᠢᠭᠤᠯᠤᠨ᠎ᠠ᠃ ︽ᠨᠢᠭᠡ ᠪᠥᠰᠡ | ᠨᠢᠭᠡ ᠵᠠᠮ︾ ᠤᠨ ᠪᠠᠶᠢᠭᠤᠯᠤᠯᠳᠠ ᠪᠤᠯᠤᠨ ᠬᠥᠭᠡᠬᠤᠳᠠ ᠪᠤᠭᠤᠳᠤ ᠤᠷᠳᠤᠰ ᠤᠨ ᠬᠠᠮᠳᠤᠷᠠᠯᠴᠠᠨ ᠭᠥᠭᠵᠢᠭᠦ ᠪᠠᠶᠢᠯᠳᠤᠬᠤ ᠪᠤᠳᠤᠯᠭ᠎ᠠ ᠶᠢᠨ ᠲᠤᠬᠢᠶᠠᠯ ᠢ ᠪᠠᠳᠤ | ᠡᠵᠡᠮᠳᠡᠨ᠂ ᠡᠬᠢ ᠰᠤᠷᠪᠤᠯᠵᠢ ᠶᠢ ᠨᠡᠶᠢᠳᠭᠡᠭᠦ ᠲᠠᠪᠠᠭᠤᠯᠢᠭ ᠭᠥᠴᠥᠨ ᠢ ᠬᠤᠯᠪᠤᠭᠠᠯᠠᠬᠤ ᠠᠵᠤ ᠥᠢᠯᠡᠰ ᠢ ᠬᠤᠷᠠᠭᠤᠯᠬᠤ ᠪᠠᠷ ᠠᠬᠢᠭᠤᠯᠬᠤ ᠭᠥᠴᠥ ᠪᠤᠯᠭᠠᠨ᠂ ᠤᠷᠤᠨ | ᠬᠡᠪᠴᠢᠶᠡᠨ ᠤ ᠴᠤᠭᠴᠠᠵᠢᠭᠰᠠᠨ ᠪᠠᠶᠢᠭᠤᠯᠤᠯᠳᠠ ᠳᠤ ᠢᠳᠡᠪᠬᠢᠯᠡᠨ ᠤᠷᠤᠯᠴᠠᠵᠤ᠂ ᠥᠪᠥᠷ ᠮᠤᠩᠭᠤᠯ ᠱᠠᠨᠰᠢ ᠨᠢᠩᠰᠢᠶᠠ ᠬᠠᠪᠢ ᠤᠷᠤᠨ ᠯᠤᠭ᠎ᠠ ᠶᠢᠨ ᠰᠤᠷᠪᠤᠯᠵᠢ | ᠨᠡᠭᠡᠭᠡᠯᠳᠡ᠂ ᠰᠢᠨᠵᠢᠯᠡᠭᠡ ᠰᠢᠨᠡᠴᠢᠯᠡᠯᠳᠡ᠂ ᠨᠡᠶᠢᠭᠡᠮ ᠤᠨ ᠥᠢᠯᠡᠰ᠂ ᠤᠳᠤ ᠥᠶ᠎ᠡ ᠶᠢᠨ ᠥᠢᠯᠡᠴᠢᠯᠡᠭᠡᠨ ᠤ ᠥᠢᠯᠡᠰ ᠵᠡᠷᠭᠡ ᠭᠥᠷᠢᠶ᠎ᠡ ᠴᠠᠷᠠᠭᠠᠨ ᠳᠤ ᠬᠢ | ᠬᠠᠮᠳᠤᠷᠠᠯᠴᠠᠭ᠎ᠠ ᠶᠢ ᠭᠥᠨᠵᠡᠭᠡᠶᠢᠷᠡᠭᠦᠯᠥᠨ᠎ᠡ᠃ ᠰᠠᠭᠤᠷᠢ ᠲᠥᠭᠦᠭᠡᠷᠤᠮᠵᠢ ᠶᠢᠨ ᠤᠷᠤᠨ ᠠᠯᠤᠰᠯᠠᠭᠰᠠᠨ ᠨᠡᠪᠳᠡᠷᠡᠯᠴᠡᠯ ᠠᠪᠴᠠᠯᠳᠤᠯ ᠢ ᠴᠢᠩᠭᠠᠳᠬᠠᠵᠤ᠂ ᠵᠠᠰᠠᠮᠠᠯ ᠵᠠᠮ᠂ | ᠲᠡᠮᠥᠷ ᠵᠠᠮ᠂ ᠠᠭᠠᠷ ᠠᠶᠠᠯᠠᠯ ᠵᠡᠷᠭᠡ ᠵᠠᠮ ᠬᠠᠷᠢᠯᠴᠠᠭᠠᠨ ᠤ ᠭᠥᠷᠢᠶ᠎ᠡ ᠬᠡᠪᠴᠢᠶᠡᠨ ᠳᠤ ᠬᠢ ᠬᠠᠮᠳᠤ ᠪᠠᠶᠢᠭᠤᠯᠤᠯᠳᠠ ᠬᠠᠮᠳᠤ ᠡᠳ᠋ᠯᠡᠯᠳᠡ ᠪᠤᠯᠤᠨ ᠠᠮᠢ ᠠᠬᠤᠢ ᠤᠷᠴᠢᠨ | ᠲᠤᠭᠤᠷᠢᠨ ᠤ ᠬᠠᠮᠳᠤᠷᠠᠭᠰᠠᠨ ᠰᠡᠷᠭᠡᠶᠢᠯᠡᠯᠳᠡ ᠬᠤᠯᠪᠤᠭᠠᠯᠠᠭᠰᠠᠨ ᠵᠠᠰᠠᠯᠳᠠ ᠶᠢ ᠴᠢᠩᠭᠠᠳᠬᠠᠨ᠂ ᠤᠷᠤᠨ ᠬᠡᠪᠴᠢᠶᠡᠨ ᠤ ᠬᠥᠨᠵᠡᠭᠡᠢ ᠬᠠᠮᠳᠤᠷᠠᠯᠴᠠᠭᠠᠨ ᠤ ᠲᠠᠭᠤᠷᠢᠶᠠᠯ | ᠪᠤᠯᠤᠨ᠎ᠠ᠃ | ︵ᠲᠠᠪᠤ︶ ᠬᠤᠳᠠ ᠭᠥᠳᠡᠭᠡ ᠶᠢᠨ ᠴᠤᠭᠴᠠᠵᠢᠭᠰᠠᠨ ᠭᠥᠭᠵᠢᠯᠳᠡ ᠶᠢ ᠠᠬᠢᠭᠤᠯᠵᠤ᠂ ᠤᠷᠤᠰᠢᠨ ᠰᠠᠭᠤᠬᠤ ᠳᠤ ᠠᠮᠤᠷ ᠲᠤᠬᠢᠳᠠᠢ ᠤᠷᠴᠢᠨ ᠲᠤᠭᠤᠷᠢᠨ ᠢ | ᠠᠷᠠᠳ ᠲᠤ ᠭᠥᠷᠳᠡᠭᠡᠨ᠎ᠡ᠃ ᠬᠤᠳᠠ ᠭᠥᠳᠡᠭᠡ ᠶᠢᠨ ᠪᠠᠶᠢᠷᠢᠯᠠᠭᠤᠯᠤᠯᠳᠠ ᠶᠢ ᠰᠢᠨᠵᠢᠯᠡᠭᠦ ᠤᠬᠠᠭᠠᠨᠴᠢ ᠪᠠᠷ ᠰᠢᠯᠢᠳᠡᠭᠵᠢᠭᠦᠯᠥᠨ᠂ ᠡᠯ᠎ᠡ ᠲᠥᠷᠥᠯ ᠤᠨ ᠡᠬᠢ ᠰᠤᠷᠪᠤᠯᠵᠢ | ᠶᠢ ᠡᠮᠬᠢᠳᠡᠢ ᠴᠡᠭᠴᠡᠵᠢᠭᠦᠯᠵᠥ᠂ ᠥᠪᠡᠷᠮᠢᠴᠡ ᠤᠨᠴᠠᠯᠢᠭ ᠲᠤᠳᠤᠷᠬᠠᠢ᠂ ᠨᠡᠭᠡᠭᠡᠯᠳᠡᠳᠤ ᠬᠠᠷᠢᠯᠴᠠᠭ᠎ᠠ ᠶᠠᠪᠤᠯᠴᠠᠭ᠎ᠠ ᠲᠠᠢ᠂ ᠲᠡᠩᠴᠡᠭᠦᠷᠢᠰᠢᠯ ᠴᠤᠭᠴᠠᠵᠢᠯᠳᠠ ᠶᠢ | ᠪᠡᠶᠡᠯᠡᠭᠦᠯᠥᠭᠰᠡᠨ ᠬᠤᠳᠠ ᠭᠥᠳᠡᠭᠡ ᠶᠢᠨ ᠭᠥᠭᠵᠢᠯᠳᠡ ᠶᠢᠨ ᠲᠤᠭᠳᠠᠴᠠ ᠶᠢ ᠪᠥᠳᠥᠭᠡᠨᠡ᠃ | ᠤᠨᠴᠠᠯᠢᠭᠳᠤ ᠴᠤᠭᠴᠠᠯᠠᠯᠳᠠ ᠶᠢ ᠴᠢᠩᠭᠠᠳᠬᠠᠨ᠂ ᠲᠡᠰ ᠴᠢᠨᠠᠷᠵᠢᠯ ᠲᠠᠢ ᠬᠤᠳᠠ ᠪᠠᠯᠭᠠᠰᠤᠨ ᠢ ᠪᠥᠳᠥᠭᠡᠨᠡ᠃ ᠨᠠᠷᠢᠯᠢᠭ ᠤᠨᠤᠪᠴᠢᠳᠤ | ᠲᠥᠯᠥᠪᠵᠢᠭᠦᠯᠭᠡ ᠪᠠᠷ ᠬᠤᠳᠠ ᠪᠠᠯᠭᠠᠰᠤᠨ ᠤ ᠲᠡᠰ ᠴᠢᠨᠠᠷᠵᠢᠯ ᠢ ᠲᠡᠭᠡᠭᠰᠢᠯᠡᠭᠦᠯᠵᠥ᠂ ᠠᠵᠤ ᠥᠢᠯᠡᠰ ᠤᠨ ᠲᠤᠯᠭᠠᠭᠤᠷᠢᠯᠠᠯ ᠢᠶᠠᠷ ᠴᠢᠩᠭ᠎ᠠ᠂ ᠰᠤᠶᠤᠯ ᠢᠷᠭᠡᠨᠰᠢᠯ ᠤᠨ | ᠠᠮᠢᠰᠬᠤᠯ ᠪᠠᠳᠠᠷᠠᠭᠤᠨ᠂ ᠠᠮᠢ ᠠᠬᠤᠢ ᠤᠷᠴᠢᠨ ᠲᠤᠭᠤᠷᠢᠨ ᠲᠤᠬᠢᠯᠢᠭ ᠰᠠᠶᠢᠬᠠᠨ ᠪᠠᠯᠭᠠᠰᠤ ᠶᠢ ᠴᠤᠭᠴᠠᠯᠠᠨ᠎ᠠ᠃ ᠤᠨᠴᠠᠯᠢᠭ ᠢ ᠲᠤᠪᠤᠶᠢᠯᠭᠠᠨ᠂ ᠬᠤᠳᠠ ᠪᠠᠯᠭᠠᠰᠤᠨ | ᠤ ᠭᠤᠤᠯᠳᠠᠯᠭᠠᠳᠤ ᠥᠷᠢᠰᠭᠦ ᠭᠥᠴᠥᠨ ᠢ ᠪᠤᠶᠢᠵᠢᠭᠤᠯᠤᠨ᠎ᠠ᠃ ᠤᠯᠵᠠᠴᠢ ᠪᠠᠯᠭᠠᠰᠤ ᠶᠢ ᠬᠤᠰᠢᠭᠤᠨ ᠲᠥᠪ ᠤᠨ ᠰᠠᠭᠤᠭᠠᠯᠢ ᠠᠷᠠᠳ ᠤᠨ ᠬᠥᠨᠡᠰᠥᠨ ᠬᠠᠩᠭᠠᠯᠠᠭ᠎ᠠ | ᠶᠢᠨ ᠥᠢᠯᠡᠳᠥᠯ ᠶᠤᠰᠤᠭᠠᠷ᠂ ᠲᠠᠷᠢᠵᠤ ᠲᠡᠵᠢᠭᠡᠭᠦ ᠥᠢᠯᠡᠰ ᠤᠨ ᠬᠠᠷᠢᠴᠠᠯ ᠢ ᠨᠢ ᠲᠤᠬᠢᠷᠠᠭᠤᠯᠤᠨ᠂ ᠪᠠᠯᠭᠠᠰᠤᠨ ᠲᠡᠭᠦᠷᠭᠡ ᠶᠢᠨ ᠠᠵᠤ ᠠᠬᠤᠢ ᠶᠢ ᠨᠢ | ᠠᠮᠢᠳᠤᠯᠢᠭᠵᠢᠭᠤᠯᠤᠨ᠎ᠠ︔ ᠲᠥᠪ ᠬᠤᠳᠠ ᠪᠠᠯᠭᠠᠰᠤ ᠶᠢᠨ ᠭᠥᠴᠥᠨ ᠵᠥᠢᠯ ᠲᠥᠪᠯᠡᠷᠡᠩᠭᠦᠢ ᠲᠠᠪᠠᠭᠤᠯᠢᠭ ᠲᠤ ᠲᠥᠰᠢᠭᠯᠡᠨ᠂ ᠮᠤᠩᠭᠤᠯ ᠰᠤᠶᠤᠯ ᠤᠨ ᠥᠪ | ᠤᠯᠠᠮᠵᠢᠯᠠᠯ ᠢ ᠪᠠᠳᠠᠷᠠᠭᠤᠯᠤᠨ᠂ ︽ᠡᠮᠨᠡᠭᠦ ᠰᠤᠪᠢᠯᠠᠬᠤ ᠶᠢ ᠤᠶᠠᠯᠳᠤᠭᠤᠯᠤᠭᠰᠠᠨ︾ ᠲᠠᠭᠤᠷᠢᠶᠠᠯ ᠤᠷᠤᠨ ᠪᠤᠯᠤᠨ ᠰᠤᠶᠤᠯ ᠤᠷᠠᠯᠢᠭ ᠤᠨ ᠪᠠᠯᠭᠠᠰᠤ ᠶᠢ ᠴᠤᠭᠴᠠᠯᠠᠨ᠎ᠠ | ᠃ ᠱᠠᠩᠬᠠᠢ ᠶᠢᠨ ᠰᠥᠮ᠎ᠡ ᠪᠠᠯᠭᠠᠰᠤ ᠶᠢ ᠡᠨᠧᠷᠬᠢ ᠭᠢᠮᠢ ᠶᠢᠨ ᠠᠵᠤ ᠥᠢᠯᠡᠰ ᠤᠨ ᠭᠥᠭᠵᠢᠯᠳᠡ ᠶᠤᠰᠤᠭᠠᠷ᠂ ᠭᠥᠷᠢᠶᠡᠯᠡᠩ ᠲᠤᠭᠤᠷᠢᠭ ᠢᠶᠠᠷ ᠬᠤᠳᠠ ᠪᠠᠯᠭᠠᠰᠤᠨ ᠤ | ᠬᠢᠨᠢ ᠴᠢᠳᠠᠮᠵᠢ ᠶᠢ ᠥᠷᠭᠡᠳᠭᠡᠵᠥ᠂ ᠲᠤᠮᠤ ᠠᠵᠤ ᠥᠢᠯᠡᠰ ᠪᠤᠯᠤᠨ ᠲᠤᠮᠤ ᠲᠥᠷᠥᠯ ᠵᠥᠢᠯ ᠢᠶᠠᠷ ᠲᠤᠮᠤ ᠵᠠᠬ᠎ᠠ ᠲᠡᠯᠭᠡᠭᠦᠷ ᠨᠡᠭᠡᠭᠡᠨ᠂ ᠠᠷᠠᠳ ᠢ | ᠴᠢᠨᠡᠭᠡᠯᠢᠭᠵᠢᠭᠦᠯᠥᠨᠠᠵᠤ ᠠᠬᠤᠢ ᠶᠢ ᠭᠥᠭᠵᠢᠭᠡᠭᠰᠡᠨ ᠠᠵᠤ ᠥᠢᠯᠡᠳᠪᠥᠷᠢ ᠶᠢᠨ ᠴᠢᠬᠤᠯᠠ ᠪᠠᠯᠭᠠᠰᠤ ᠪᠤᠯᠭᠠᠨ ᠴᠤᠭᠴᠠᠯᠠᠨ᠎ᠠ︔ ᠪᠤᠷᠤᠪᠠᠯᠭᠠᠰᠤ ᠪᠠᠯᠭᠠᠰᠤ ᠶᠢ | ᠤᠨᠴᠠᠯᠢᠭᠳᠤ ᠠᠵᠤ ᠥᠢᠯᠡᠰ ᠶᠤᠰᠤᠭᠠᠷ᠂ ᠬᠤᠪᠢᠰᠬᠠᠯᠳᠤ ᠵᠢᠭᠤᠯᠴᠢᠯᠠᠯ ᠬᠢᠭᠡᠳ ᠵᠠᠬᠢᠶᠠᠯᠠᠭ᠎ᠠ ᠰᠠᠶᠢᠳᠠᠢ ᠮᠠᠯ ᠲᠠᠷᠢᠶᠠᠯᠠᠩ ᠢ ᠨᠢ ᠭᠥᠭᠵᠢᠭᠡᠵᠥ᠂ ᠤᠨᠴᠠᠯᠢᠭᠳᠤ ᠠᠵᠤ | ᠠᠬᠤᠢ ᠶᠢᠨ ᠲᠠᠷᠢᠮᠠᠯ ᠤᠨ ᠪᠥᠰᠡ ᠨᠤᠳᠤᠭ ᠪᠠ ᠤᠯᠤᠰ ᠲᠠᠶᠠᠭᠠᠷ ᠲᠤ ᠠᠯᠳᠠᠷᠰᠢᠭᠰᠠᠨ ᠬᠤᠪᠢᠰᠬᠠᠯᠳᠤ ᠵᠢᠭᠤᠯᠴᠢᠯᠠᠯ ᠤᠨ ᠪᠠᠯᠭᠠᠰᠤ ᠪᠤᠯᠭᠠᠨ᠎ᠠ︔ ᠨᠠᠩᠰᠤ ᠪᠠᠯᠭᠠᠰᠤ | ᠶᠢ ᠠᠵᠤ ᠥᠢᠯᠡᠰ ᠤᠨ ᠭᠥᠭᠵᠢᠯᠳᠡ ᠶᠢᠨ ᠠᠭᠤᠰᠤᠯᠴᠠᠯ ᠭᠥᠭᠵᠢᠯᠳᠡ ᠶᠤᠰᠤᠭᠠᠷ᠂ ᠲᠠᠯ᠎ᠠ ᠨᠤᠳᠤᠭ ᠤᠨ ᠥᠨᠳᠥᠰᠥᠳᠡᠨ ᠤ ᠰᠤᠶᠤᠯ ᠤᠨ ᠠᠭᠤᠯᠬᠤᠨ ᠢ ᠨᠢ | ᠠᠭᠤᠳᠠᠯᠠᠵᠤ᠂ ᠪᠡᠶᠡᠴᠢᠯᠠᠨ ᠤᠶᠢᠯᠠᠭᠠᠬᠤ ᠠᠵᠤ ᠠᠬᠤᠢ ᠪᠤᠯᠤᠨ ᠠᠮᠢ ᠠᠬᠤᠶᠢᠴᠢ ᠠᠵᠤ ᠠᠬᠤᠢ ᠶᠢ ᠨᠢ ᠭᠥᠭᠵᠢᠭᠦᠯᠥᠨ᠂ ᠪᠤᠬᠢᠷᠳᠤᠯ ᠥᠭᠡᠢ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠡᠳ᠋ᠰᠢᠭᠦᠯᠥᠯᠳᠡ ᠪᠤᠯᠪᠠᠰᠤᠷᠠᠭᠤᠯᠤᠯᠳᠠ ᠬᠢᠭᠡᠳ ᠰᠤᠶᠤᠯ ᠵᠢᠭᠤᠯᠴᠢᠯᠠᠯ ᠤᠨ ᠥᠢᠯᠡᠰ ᠭᠥᠨᠵᠡᠭᠡᠢ ᠠᠭᠤᠰᠤᠯᠴᠠᠨ ᠭᠥᠭᠵᠢᠭᠰᠡᠨ ᠲᠠᠭᠤᠷᠢᠶᠠᠯ | ᠪᠠᠯᠭᠠᠰᠤ ᠪᠤᠯᠭᠠᠨ᠎ᠠ᠃ ᠲᠥᠭᠦᠷᠴᠢᠯᠡᠯ ᠢ ᠴᠢᠩᠭᠠᠳᠬᠠᠨ ᠬᠤᠳᠠ ᠪᠠᠯᠭᠠᠰᠤᠨ ᠤ ᠥᠢᠯᠡᠴᠢᠯᠡᠭᠡᠨ ᠤ ᠪᠠᠳᠤᠯᠠᠭ᠎ᠠ ᠶᠢᠨ ᠴᠢᠳᠠᠮᠵᠢ ᠶᠢ ᠲᠡᠭᠡᠭᠰᠢᠯᠡᠭᠦᠯᠥᠨ᠎ᠡ᠃ ᠠᠷᠠᠳ | ᠤᠯᠠᠨ ᠲᠤᠰᠬᠠᠯ ᠶᠡᠭᠡᠳᠡᠢ ᠬᠠᠯᠠᠮᠰᠢᠯ ᠠᠰᠠᠭᠤᠳᠠᠯ ᠳᠤ ᠴᠢᠭᠯᠡᠭᠦᠯᠥᠨ᠂ ᠤᠰᠤ᠂ ᠬᠡᠢ᠂ ᠲᠤᠯᠠᠭᠠᠯᠠᠭ᠎ᠠ ᠬᠠᠩᠭᠠᠬᠤ ᠵᠡᠷᠭᠡ ᠤᠯᠠᠨ ᠨᠡᠶᠢᠳᠡ ᠶᠢᠨ ᠰᠠᠭᠤᠷᠢ | ᠥᠢᠯᠡᠴᠢᠯᠡᠭᠡ ᠶᠢ ᠲᠡᠩᠴᠠᠭᠦᠷᠢᠳᠡᠢ ᠠᠬᠢᠭᠤᠯᠵᠤ᠂ ᠠᠷᠠᠳ ᠤᠯᠠᠨ ᠳᠤ ᠴᠡᠪᠡᠷ ᠰᠠᠶᠢᠨ ᠤᠰᠤ ᠢᠳᠡᠭᠦᠯᠵᠥ᠂ ᠲᠥᠭᠦᠮ ᠲᠥᠳᠡ ᠰᠢᠳᠠᠮᠠᠬᠠᠢ ᠬᠡᠢ ᠭᠡᠷᠡᠭᠯᠡᠭᠦᠯᠵᠥ᠂ | ᠬᠤᠳᠠ ᠪᠠᠯᠭᠠᠰᠤᠨ ᠤ ᠪᠠᠶᠢᠭᠤᠯᠤᠯᠳᠠ ᠶᠢᠨ ᠪᠥᠳᠥᠭᠡᠯ ᠢ ᠡᠳ᠋ᠯᠡᠭᠦᠯᠥᠨᠡ᠃ ᠬᠤᠳᠠ ᠥᠵᠡᠮᠵᠢ ᠬᠠᠷᠢᠯᠴᠠᠨ ᠠᠭᠤᠰᠤᠯᠴᠠᠭᠰᠠᠨ ᠴᠡᠴᠡᠷᠯᠢᠭᠵᠢᠭᠦᠯᠭᠡ ᠶᠢᠨ ᠰᠢᠰᠲ᠋ᠧᠮ ᠢ | ᠪᠥᠷᠢᠯᠳᠥᠭᠦᠯᠵᠥ᠂ ᠴᠢᠨᠠᠷᠯᠢᠭ ᠤᠶᠢᠵᠢᠭᠤᠯᠤᠯᠳᠠ ᠴᠡᠴᠡᠷᠯᠢᠭᠵᠢᠭᠦᠯᠭᠡ ᠪᠠᠷ ᠤᠯᠠᠨ ᠲᠥᠮᠡᠨ ᠳᠤ ᠰᠡᠯᠡᠭᠦᠴᠡᠯ ᠤᠨ ᠤᠷᠤᠨ ᠵᠠᠢ ᠬᠠᠩᠭᠠᠵᠤ᠂ ᠵᠢᠷᠭᠠᠯ ᠬᠠᠨᠤᠮᠵᠢ ᠶᠢ ᠨᠢ | ᠥᠨᠡᠨ ᠭᠦ ᠲᠡᠭᠡᠭᠰᠢᠯᠡᠭᠦᠯᠥᠨ᠎ᠡ᠃ ᠬᠠᠮᠢᠶᠠᠷᠤᠯᠳᠠ ᠶᠢ ᠴᠢᠩᠭᠠᠳᠬᠠᠨ᠂ ᠬᠤᠳᠠ ᠪᠠᠯᠭᠠᠰᠤᠨ ᠤ ᠲᠤᠳᠤᠭᠠᠳᠤ ᠭᠥᠳᠡᠯᠭᠡᠭᠦ ᠭᠥᠴᠥᠨ ᠢ ᠴᠢᠩᠭᠠᠳᠬᠠᠨ᠎ᠠ᠃ ︽ᠬᠤᠳᠠ | ᠪᠠᠯᠭᠠᠰᠤ ᠶᠢᠨ ᠡᠵᠩᠨᠡᠯᠳᠡ︾ ᠶᠢᠨ ᠰᠡᠳᠬᠢᠮᠵᠢ ᠶᠢ ᠪᠤᠢ ᠪᠤᠯᠭᠠᠵᠤ᠂ ᠬᠤᠳᠠ ᠭᠥᠳᠡᠭᠡ ᠶᠢᠨ ᠪᠡᠯᠡ ᠤᠷᠤᠭᠤᠯᠤᠨ ᠪᠠᠶᠢᠭᠤᠯᠬᠤ ᠬᠤᠭᠤᠴᠠᠭᠠᠨ ᠠᠴᠠ ᠨᠠᠷᠢᠯᠢᠭ | ᠬᠠᠮᠢᠶᠠᠷᠤᠯᠳᠠ ᠶᠢᠨ ᠬᠤᠭᠤᠴᠠᠭᠠᠨ ᠲᠡᠰᠢᠬᠢ ᠬᠤᠪᠢᠷᠠᠯᠳᠠ ᠶᠢ ᠠᠬᠢᠭᠤᠯᠤᠨ᠎ᠠ᠃ ᠲᠤᠭᠠᠴᠠᠯᠠᠭᠰᠠᠨ ᠬᠤᠳᠠ ᠶᠢᠨ ᠬᠠᠮᠢᠶᠠᠷᠤᠯᠳᠠ ᠶᠢᠨ ᠰᠢᠰᠲ᠋ᠧᠮ ᠤᠨ ᠪᠠᠶᠢᠭᠤᠯᠤᠯᠳᠠ | ᠶᠢ ᠲᠥᠷᠭᠡᠳᠭᠡᠵᠥ᠂ ᠬᠤᠳᠠ ᠭᠥᠳᠡᠭᠡ ᠶᠢᠨ ᠬᠤᠯᠪᠤᠭᠠᠯᠠᠭᠰᠠᠨ ᠬᠠᠤᠯᠢ ᠬᠡᠷᠡᠭᠵᠢᠭᠦᠯᠥᠯᠳᠡ ᠶᠢ ᠴᠢᠩᠭᠠᠳᠬᠠᠨ᠂ ᠤᠷᠴᠢᠨ ᠲᠤᠭᠤᠷᠢᠨ ᠤ ᠵᠠᠰᠠᠯᠳᠠ ᠪᠤᠯᠤᠨ ᠬᠤᠳᠠ | ᠶᠢᠨ ᠶᠠᠪᠤᠳᠠᠯ ᠤᠨ ᠠᠷᠠᠴᠢᠯᠠᠯᠳᠠ ᠬᠠᠮᠠᠭᠠᠯᠠᠯᠳᠠ ᠶᠢᠨ ᠲᠠᠭᠠᠭᠠᠮᠠᠭᠠᠢ ᠲᠤᠭᠳᠠᠴᠠ ᠶᠢ ᠲᠡᠭᠦᠯᠳᠡᠷᠵᠢᠭᠦᠯᠵᠥ᠂ ᠠᠳᠠᠯ ᠠᠬᠤᠢ ᠶᠢᠨ ᠬᠠᠮᠢᠶᠠᠷᠤᠯᠳᠠ ᠪᠤᠯᠤᠨ ᠨᠡᠶᠢᠭᠡᠮ | ᠲᠤᠭᠤᠷᠢᠭ ᠤᠨ ᠥᠢᠯᠡᠴᠢᠯᠡᠭᠡ ᠶᠢᠨ ᠪᠠᠷᠢᠮᠵᠢᠶᠠᠴᠢᠯᠠᠭᠰᠠᠨ ᠪᠥᠭᠦ ᠪᠥᠷᠭᠦᠴᠡ ᠶᠢ ᠪᠡᠶᠡᠯᠡᠭᠦᠯᠵᠥ᠂ ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠳᠠ ᠶᠢᠨ ᠲᠥᠪᠰᠢᠨ ᠢ | ᠲᠡᠭᠡᠭᠰᠢᠯᠡᠭᠦᠯᠥᠨ᠂ ︽ᠪᠥᠭᠦ ᠤᠯᠤᠰ ᠤᠨ ᠰᠢᠶᠡᠨ ᠤ ᠲᠡᠰ ᠤᠨ ᠪᠤᠯᠪᠠᠰᠤᠨ ᠬᠤᠳᠠ︾ ᠬᠢᠭᠡᠳ ︽ᠤᠯᠤᠰ ᠤᠨ ᠡᠷᠡᠭᠦᠯ ᠬᠠᠮᠠᠭᠠᠯᠠᠯ ᠤᠨ ᠰᠢᠶᠡᠨ ᠤ ᠬᠤᠳᠠ︾ | ᠶᠢᠨ ᠪᠠᠶᠢᠭᠤᠯᠤᠯᠳᠠ ᠶᠢᠨ ᠪᠥᠳᠥᠮᠵᠢ ᠪᠠᠨ ᠲᠠᠰᠤᠷᠠᠯᠳᠠ ᠥᠭᠡᠢ ᠪᠠᠬᠢᠵᠢᠭᠦᠯᠥᠨ ᠥᠷᠭᠡᠳᠭᠡᠨ᠎ᠡ᠃ | ᠰᠠᠭᠤᠷᠢ ᠪᠠᠳᠤᠯᠠᠭ᠎ᠠ ᠶᠢ ᠪᠠᠬᠢᠵᠢᠭᠦᠯᠥᠨ᠂ ᠭᠥᠭᠵᠢᠯᠳᠡ ᠶᠢᠨ ᠲᠤᠳᠠᠭᠤᠳᠠᠯ ᠢ ᠨᠥᠭᠦᠪᠥᠷᠢᠯᠡᠨᠡ᠃ ᠬᠤᠳᠠ ᠪᠠᠯᠭᠠᠰᠤᠨ ᠤ ᠰᠠᠭᠤᠷᠢ ᠲᠥᠭᠦᠭᠡᠷᠤᠮᠵᠢ ᠶᠢᠨ | ᠲᠤᠭᠳᠠᠴᠠ ᠶᠢ ᠲᠡᠭᠦᠯᠳᠡᠷᠵᠢᠭᠦᠯᠥᠨ᠂ ᠭᠠᠵᠠᠷ ᠲᠤᠤᠷᠠᠬᠢ ᠬᠤᠭᠤᠯᠠᠢ ᠱᠤᠭᠤᠮ ᠤᠨ ᠮᠡᠳᠡᠭᠡ ᠵᠠᠩᠬᠢ ᠶᠢᠨ ᠨᠡᠶᠢᠳᠡᠮ ᠪᠠᠶᠢᠴᠠᠭᠠᠯᠳᠠ ᠶᠢ ᠠᠬᠢᠭᠤᠯᠵᠤ᠂ ᠭᠠᠵᠠᠷ | ᠲᠤᠤᠷᠠᠬᠢ ᠶᠡᠷᠥᠩᠭᠡᠶᠢᠯᠡᠭᠰᠡᠨ ᠬᠤᠭᠤᠯᠠᠢ ᠭᠤᠳᠤᠮ ᠤᠨ ᠪᠠᠶᠢᠭᠤᠯᠤᠯᠳᠠ ᠶᠢ ᠲᠤᠬᠢᠳᠠᠢ ᠠᠬᠢᠭᠤᠯᠤᠨ᠂ ᠪᠤᠷᠤᠭᠠᠨ ᠤ ᠤᠰᠤ ᠲᠤᠭᠳᠠᠬᠤ ᠪᠠ ᠠᠬᠢᠨ ᠲᠠᠬᠢᠨ ᠮᠠᠯᠳᠠᠬᠤ | ᠵᠡᠷᠭᠡ ᠥᠵᠡᠭᠳᠡᠯ ᠢ ᠲᠤᠶᠢᠯᠪᠤᠷᠢᠳᠠᠢ ᠥᠭᠡᠶᠢᠰᠭᠡᠨᠡ᠃ ᠪᠠᠯᠭᠠᠰᠤᠨ ᠲᠤᠭᠤᠷᠢᠭ ᠤᠨ ᠵᠠᠷᠤᠳᠠᠯ ᠬᠤᠷᠢᠶᠠᠬᠤ ᠥᠭᠡᠢ WIFI ᠲᠥᠭᠡᠮᠡᠯᠵᠢᠯ᠂ ᠮᠠᠯᠵᠢᠬᠤ ᠲᠠᠷᠢᠶᠠᠯᠠᠬᠤ | ᠤᠷᠤᠨ ᠤ ᠥᠷᠭᠡᠨ ᠪᠥᠰᠡᠳᠤ ᠰᠥᠯᠵᠢᠶ᠎ᠡ ᠪᠤᠯᠤᠨ ᠬᠤᠰᠢᠭᠤ ᠨᠤᠳᠤᠭ ᠤᠨ ᠪᠥᠭᠦ ᠭᠡᠪᠴᠢᠶᠡᠨ ᠳᠤ ᠬᠢ ᠴᠢᠮᠡᠭᠡ ᠬᠤᠯᠪᠤᠭ᠎ᠠ ᠶᠢ ᠴᠢᠨᠠᠷᠵᠢᠯ ᠰᠠᠶᠢᠳᠠᠢ ᠪᠤᠯᠭᠠᠵᠤ᠂ | ᠴᠠᠬᠢᠯᠭᠠᠨ ᠪᠠᠭᠳᠠᠭᠠᠮᠵᠢ ᠨᠡᠮᠡᠭᠦ᠂ ᠬᠤᠤᠰ ᠴᠠᠬᠢᠯᠭᠠᠨ ᠡᠬᠢ ᠪᠤᠯᠤᠨ ᠰᠤᠮᠤ ᠪᠠᠯᠭᠠᠰᠤᠨ ᠤ ᠲᠥᠭᠦᠷᠴᠢᠯᠡᠭᠰᠡᠨ ᠴᠠᠬᠢᠯᠭᠠᠨ ᠲᠤᠤᠷ ᠤᠨ ᠥᠭᠡᠷᠡᠴᠢᠯᠡᠯᠳᠡ ᠶᠢ | ᠬᠡᠷᠡᠭᠵᠢᠭᠦᠯᠵᠥ᠂ ᠮᠠᠯ ᠲᠠᠷᠢᠶᠠᠯᠠᠩ ᠤᠨ ᠥᠢᠯᠡᠳᠪᠥᠷᠢᠯᠡᠯ ᠤᠨ ᠴᠠᠬᠢᠯᠭᠠᠨ ᠭᠡᠷᠡᠭᠯᠡᠯᠳᠡ ᠶᠢᠨ ᠬᠠᠩᠭᠠᠯᠠᠭ᠎ᠠ ᠶᠢ ᠪᠠᠳᠤᠯᠠᠨ᠎ᠠ᠃ ᠲᠤᠯᠢ ᠠᠴᠠ ᠱᠠᠩᠬᠠᠢ ᠶᠢᠨ ᠰᠥᠮ᠎ᠡ | ᠭᠥᠷᠭᠦ ᠲᠡᠮᠤᠷ ᠵᠠᠮ ᠤᠨ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠭᠡᠰᠡᠭ ᠬᠢᠭᠡᠳ ᠤᠯᠵᠠᠴᠢ ᠠᠴᠠ ᠰᠤᠬᠠᠢ ᠶᠢᠨ ᠪᠠᠶᠢᠰᠢᠩ ᠭᠥᠷᠭᠦ ᠲᠡᠮᠤᠷ ᠵᠠᠮ ᠤᠨ | ᠪᠠᠶᠢᠭᠤᠯᠤᠯᠳᠠ ᠶᠢ ᠪᠥᠭᠦ ᠲᠠᠯ᠎ᠠ ᠪᠠᠷ ᠡᠬᠢᠯᠡᠭᠦᠯᠤᠨ᠂ ᠢᠷᠭᠠᠢ ᠬᠤᠳᠠ ᠶᠢᠨ ᠬᠥᠩᠭᠡᠨ ᠲᠡᠮᠤᠷ ᠵᠠᠮ ᠤᠨ ᠪᠢᠨ ᠾᠧ ᠲᠤᠭᠤᠷᠢᠭ ᠤᠨ ᠰᠠᠯᠪᠤᠷᠢ ᠱᠤᠭᠤᠮ ᠢ ᠱᠠᠩᠬᠠᠢ | ᠶᠢᠨ ᠰᠥᠮ᠎ᠡ ᠭᠥᠷᠳᠡᠯ᠎ᠡ ᠥᠷᠭᠦᠯᠵᠢᠯᠡᠭᠦᠯᠭᠦ ᠪᠠᠷ ᠢᠳᠡᠪᠬᠢᠳᠡᠢ ᠬᠠᠷᠢᠯᠴᠠᠵᠤ᠂ S317 ᠱᠤᠭᠤᠮ ᠤᠨ ᠤᠯᠵᠠᠴᠢ ᠠᠴᠠ ᠲᠤᠯᠢ ᠭᠥᠷᠭᠦ ᠨᠢᠭᠡᠳᠥᠭᠡᠷ ᠲᠡᠰ ᠤᠨ ᠵᠠᠰᠠᠮᠠᠯ | ᠵᠠᠮ᠂ ᠲᠠᠬᠢᠯᠳᠤ ᠠᠴᠠ ᠪᠤᠷᠤᠪᠠᠯᠭᠠᠰᠤ ᠭᠥᠷᠭᠦ ᠵᠠᠰᠠᠮᠠᠯ ᠵᠠᠮ᠂ ᠨᠠᠩᠰᠤ ᠠᠴᠠ ᠪᠤᠷᠤᠪᠠᠯᠭᠠᠰᠤ ᠭᠥᠷᠭᠦ ᠵᠢᠭᠤᠯᠴᠢᠯᠠᠯ ᠤᠨ ᠲᠤᠰᠬᠠᠢ ᠱᠤᠭᠤᠮ ᠤᠨ ᠥᠭᠡᠷᠡᠴᠢᠯᠡᠯᠳᠡ ᠶᠢᠨ | ᠲᠥᠷᠥᠯ ᠵᠥᠢᠯ ᠢ ᠪᠡᠶᠡᠯᠡᠭᠦᠯᠵᠥ᠂ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠪᠤᠯᠤᠨ ᠪᠤᠷᠤᠪᠠᠯᠭᠠᠰᠤᠨ ᠤ ᠨᠡᠶᠢᠳᠡᠮ | ᠭᠡᠷᠡᠭᠯᠡᠭᠡᠨ ᠤ ᠨᠢᠰᠭᠡᠯ ᠤᠨ ᠪᠠᠭᠤᠳᠠᠯ ᠢ ᠪᠠᠶᠢᠭᠤᠯᠵᠤ᠂ ᠪᠥᠭᠦ ᠲᠠᠯᠠᠳᠤ ᠥᠢᠯᠡᠳᠤᠯ ᠲᠠᠢ ᠶᠡᠷᠥᠩᠭᠡᠶᠢᠯᠡᠭᠰᠡᠨ ᠵᠠᠮ ᠬᠠᠷᠢᠯᠴᠠᠭᠠᠨ ᠤ ᠲᠤᠤᠷᠵᠢᠯ ᠢ ᠪᠥᠳᠥᠭᠡᠨᠡ᠃ | ᠭᠤᠷᠪᠠ᠂ ᠠᠷᠠᠳ ᠤᠯᠠᠨ ᠤ ᠰᠠᠳᠬᠢᠯ ᠬᠠᠨᠤᠮᠵᠢ ᠲᠠᠢ ᠥᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠪᠠᠶᠢᠭᠤᠯᠤᠨ᠎ᠠ | ᠲᠥᠯᠤᠭᠡᠯᠡᠭᠴᠢᠳ ᠡ᠂ ᠭᠠᠷ ᠤᠨ ᠡᠷᠳᠡᠮ ᠲᠠᠰᠤᠷᠬᠠᠢ ᠪᠥᠭᠡᠰᠤ ᠭᠠᠩ ᠪᠤᠯᠤᠳ ᠲᠠᠪᠳᠠᠨ ᠭᠠᠷᠭᠠᠶᠤ᠃ ᠰᠢᠨ᠎ᠡ ᠴᠠᠭ ᠥᠶ᠎ᠡ ᠶᠢᠨ ᠰᠢᠨ᠎ᠡ ᠱᠠᠭᠠᠷᠳᠠᠯᠭ᠎ᠠ | ᠶᠢᠨ ᠡᠮᠥᠨ᠎ᠡ ᠠᠴᠠ ᠪᠢᠳᠠ ᠡᠷᠭᠡᠪᠰᠢ ᠭᠠᠭᠴᠠ ᠰᠡᠳᠬᠢᠯ ᠢ ᠪᠠᠷᠢᠵᠤ᠂ ᠪᠥᠭᠦ ᠲᠠᠯ᠎ᠠ ᠶᠢᠨ ᠲᠥᠯᠥᠭᠡᠨ᠎ᠡ ᠭᠥᠢᠴᠡᠳ ᠪᠤᠳᠤᠯᠬᠢᠯᠠᠵᠤ᠂ ᠭᠥᠭᠵᠢᠯᠳᠡ ᠶᠢᠨ ᠲᠤᠯᠠᠳᠠ | ᠬᠠᠷᠢᠭᠤᠴᠠᠯᠭ᠎ᠠ ᠡᠭᠦᠷᠭᠡᠯᠡᠨ᠂ ᠠᠷᠠᠳ ᠤᠨ ᠤᠴᠢᠷ᠎ᠠ ᠮᠠᠬᠠᠷᠠᠨ ᠵᠢᠳᠭᠦᠮᠡᠨᠵᠢᠨ ᠰᠠᠶ᠋ᠢ ᠠᠤᠭ᠎ᠠ ᠡᠷᠡᠨ ᠤ ᠡᠷᠴᠢᠳᠤ ᠰᠢᠯᠭᠠᠯᠳᠠ ᠶᠢ ᠲᠤᠭᠤᠯᠤᠨ᠂ ᠠᠭᠤᠤ ᠲᠥᠮᠡᠨ ᠤ | ᠭᠥᠨᠳᠤ ᠨᠠᠶᠢᠳᠠᠯᠭ᠎ᠠ ᠶᠢ ᠭᠥᠯᠢᠶᠡᠵᠥ ᠲᠡᠶᠢᠯᠭᠦ ᠶᠤᠮ᠃ | ᠬᠠᠤᠯᠢ ᠶᠤᠰᠤᠭᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠤᠬᠠᠮᠰᠠᠷ ᠢ ᠵᠠᠰᠠᠭ ᠶᠠᠪᠤᠭᠤᠯᠬᠤ ᠬᠤᠷᠢᠭ᠎ᠠ ᠱᠤᠭᠤᠮ ᠪᠤᠯᠭᠠᠵᠤ᠂ | ᠬᠠᠤᠯᠢ ᠶᠢᠨ ᠡᠷᠭᠡ ᠥᠭᠡᠢ ᠪᠤᠯ ᠭᠠᠷ ᠲᠥᠷᠥᠵᠥ ᠪᠤᠯᠬᠤ ᠥᠭᠡᠢ᠂ ᠵᠠᠰᠠᠭ ᠤᠨ ᠲᠤᠭᠳᠠᠭᠠᠯ ᠥᠭᠡᠢ ᠪᠤᠯ ᠲᠤᠷ᠎ᠠ ᠲᠠᠪᠠ ᠪᠠᠷ ᠬᠢᠵᠤ ᠪᠤᠯᠬᠤ ᠥᠭᠡᠢ ᠭᠡᠰᠡᠨ ᠢ | ᠢᠮᠠᠭᠳᠠ ᠪᠠᠷᠢᠮᠳᠠᠯᠠᠨ᠂ ᠵᠠᠰᠠᠭ ᠤᠨ ᠤᠷᠳᠤᠨ ᠤ ᠠᠵᠢᠯ ᠤᠨ ᠲᠥᠷᠢᠮ ᠢ ᠲᠡᠭᠦᠯᠳᠡᠷᠵᠢᠭᠦᠯᠥᠨ᠎ᠡ︔ ᠶᠡᠷᠥᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠥᠯᠳᠡ ᠶᠢᠨ ᠲᠤᠭᠳᠠᠴᠠ ᠶᠢᠨ ᠥᠭᠡᠷᠡᠴᠢᠯᠡᠯᠳᠡ ᠬᠡᠷᠡᠭᠵᠢᠭᠦᠯᠥᠨ᠂ ᠵᠠᠰᠠᠭ ᠵᠠᠬᠢᠷᠭᠠᠨ ᠤ ᠡᠷᠭᠡ ᠮᠡᠳᠡᠯ ᠤᠨ ᠵᠥᠢᠯᠡᠰ ᠢ ᠬᠤᠪᠢᠶᠠᠷᠢᠯᠠᠨ ᠰᠢᠯᠵᠢᠭᠦᠯᠭᠦ ᠶᠢ | ᠯᠠᠪᠳᠠᠭᠤᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠳᠠ᠂ ᠤᠯᠠᠨ ᠲᠥᠮᠡᠨ ᠪᠤᠯᠤᠨ ᠵᠠᠭᠤᠴᠢᠯᠠᠭᠤᠷ ᠤᠨ ᠬᠢᠨᠠᠯᠳᠠ ᠶᠢ ᠤᠬᠠᠮᠰᠠᠷ ᠠᠴᠠ ᠪᠠᠨ ᠭᠥᠯᠢᠶᠡᠨ᠂ ᠰᠢᠢᠳᠪᠥᠷᠢᠳᠤ ᠪᠤᠳᠤᠯᠭ᠎ᠠ᠂ | ᠭᠡᠷᠡᠭᠵᠢᠭᠦᠯᠥᠯᠳᠡ᠂ ᠬᠢᠨᠠᠯᠳᠠ ᠶᠢᠨ ᠪᠥᠭᠦ ᠶᠠᠪᠤᠴᠠ ᠶᠢᠨ ᠢᠯᠠᠰᠢᠭᠦᠯᠥᠯᠳᠡ ᠶᠢ ᠰᠥᠪᠡᠭᠴᠢᠯᠡᠨ ᠭᠡᠷᠡᠭᠵᠢᠭᠦᠯᠵᠥ᠂ ᠠᠷᠠᠳ ᠤᠯᠠᠨ ᠤᠷᠤᠯᠴᠠᠨ ᠨᠡᠶᠢᠭᠡᠮ ᠨᠡᠶᠢᠳᠡ ᠪᠠᠷ | ᠥᠨᠡᠯᠡᠭᠦᠯᠥᠭᠰᠡᠨ ᠨᠡᠭᠡᠭᠡᠯᠳᠡᠳᠤ ᠬᠡᠯᠪᠡᠷᠢ ᠶᠢᠨ ᠵᠠᠰᠠᠯᠳᠠ ᠬᠡᠷᠡᠭᠵᠢᠭᠦᠯᠥᠯᠳᠡ ᠶᠢᠨ ᠲᠤᠭᠳᠠᠴᠠ ᠶᠢ ᠪᠥᠷᠢᠯᠳᠥᠭᠦᠯᠥᠨ᠂ ᠵᠠᠰᠠᠭ ᠤᠨ ᠤᠷᠳᠤᠨ ᠤ ᠡᠭᠦᠷᠭᠡ | ᠬᠠᠷᠢᠭᠤᠴᠠᠯᠭ᠎ᠠ ᠶᠢᠨ ᠬᠠᠤᠯᠢᠴᠢᠯᠠᠯ ᠪᠤᠯᠤᠨ ᠠᠵᠢᠯ ᠡᠷᠭᠡ ᠶᠢᠨ ᠲᠥᠷᠢᠮᠵᠢᠯ ᠢ ᠠᠬᠢᠭᠤᠯᠵᠤ᠂ ᠠᠮᠵᠢᠯᠳᠠ ᠪᠥᠳᠥᠭᠡᠯ ᠲᠠᠢ ᠮᠥᠷᠳᠡᠭᠡᠨ ᠰᠠᠬᠢᠯᠭ᠎ᠠ ᠵᠢᠷᠤᠮ ᠲᠠᠢ | ᠪᠠᠶᠢᠬᠤ ᠶᠢ ᠪᠠᠳᠤᠯᠠᠨ᠂ ᠬᠠᠤᠯᠢ ᠲᠥᠷᠢᠮ ᠢ ᠲᠡᠭᠡᠳᠥᠯᠡᠨ ᠬᠤᠷᠢᠭ᠎ᠠ ᠱᠤᠭᠤᠮ ᠢ ᠰᠠᠬᠢᠭᠰᠠᠨ ︽ᠬᠢᠵᠠᠭᠠᠷᠳᠤ ᠵᠠᠰᠠᠭ ᠤᠨ ᠤᠷᠳᠤᠨ︾ ᠢ ᠪᠠᠶᠢᠭᠤᠯᠤᠨ᠎ᠠ᠃ | ᠪᠥᠯᠭᠦᠮᠳᠡᠨ ᠬᠠᠮᠵᠢᠯᠴᠠᠬᠤ ᠶᠢ ᠴᠢᠩᠭᠠᠳᠬᠠᠨ᠎ᠠ᠃ ᠪᠡᠶ᠎ᠡ ᠪᠠᠷ ᠢᠶᠠᠨ ᠲᠥᠷᠥᠭᠦᠯᠡᠨ ᠰᠠᠬᠢᠯᠭ᠎ᠠ ᠵᠢᠷᠤᠮ ᠢ ᠴᠢᠩᠳᠠᠯᠠᠵᠤ᠂ ᠰᠡᠷᠭᠡᠭ ᠲᠤᠳᠤ ᠤᠬᠠᠮᠰᠠᠷ | ᠪᠤᠯᠤᠨ ᠪᠠᠳᠤ ᠴᠢᠩᠭ᠎ᠠ ᠵᠤᠭᠰᠤᠯᠳᠠ ᠪᠠᠨ ᠴᠠᠭ ᠥᠷᠭᠦᠯᠵᠢ ᠪᠠᠳᠤᠯᠠᠨ᠂ ᠥᠵᠡᠯ ᠰᠠᠨᠠᠭ᠎ᠠ ᠪᠠ ᠥᠢᠯᠡ ᠠᠵᠢᠯᠯᠠᠭ᠎ᠠ ᠪᠠᠨ ᠰᠢ ᠶᠢᠨ ᠫᠢᠩ ᠨᠥᠭᠦᠷ ᠢᠶᠠᠷ | ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠯᠤᠭ᠎ᠠ ᠴᠢᠩᠭ᠎ᠠ ᠨᠢᠭᠡᠳᠭᠡᠵᠥ᠂ ᠤᠯᠤᠰ ᠲᠥᠷᠥ ᠶᠢᠨ ᠰᠠᠬᠢᠯᠭ᠎ᠠ ᠵᠢᠷᠤᠮᠯᠠᠯ ᠢ ᠠᠵᠢᠯ ᠠᠯᠪᠠ ᠶᠢᠨ ᠪᠥᠭᠦ ᠶᠠᠪᠤᠴᠠ ᠳᠤ | ᠪᠠᠨ ᠲᠤᠤᠱᠯᠠᠭᠤᠯᠤᠨ᠎ᠠ᠃ ᠪᠡᠶ᠎ᠡ ᠪᠠᠷ ᠢᠶᠠᠨ ᠲᠥᠷᠥᠭᠦᠯᠡᠨ ᠪᠥᠯᠭᠦᠮᠳᠡᠯ ᠢ ᠡᠷᠬᠢᠮᠡᠯᠵᠥ᠂ ᠲᠤᠭᠳᠠᠭᠰᠠᠨ ᠥᠢᠯᠡ ᠳᠤ ᠢᠳᠡᠪᠬᠢᠯᠡᠭᠦ ᠪᠠᠷ ᠡᠪ ᠡᠶ᠎ᠡ ᠪᠠᠨ ᠨᠢᠭᠡᠳᠭᠡᠨ᠂ | ᠨᠠᠶᠢᠳᠠᠪᠤᠷᠢᠵᠢᠭᠤᠯᠤᠯ ᠰᠢᠢᠳᠪᠥᠷᠢᠯᠡᠯ ᠠᠬᠢᠭᠤᠯᠤᠯ ᠤᠨ ᠠᠵᠢᠯ ᠳᠤ ᠲᠤᠤᠭᠠᠷᠪᠠᠯ ᠲᠠᠭᠤ ᠨᠢᠭᠡᠳᠡᠢ ᠲᠤᠭᠳᠤᠷᠪᠠᠯ ᠭᠥᠴᠥ ᠨᠢᠭᠡᠳᠡᠢ ᠵᠢᠳᠭᠦᠨ᠎ᠡ︔ ᠠᠵᠢᠯ ᠤᠨ | ᠬᠠᠷᠠᠯᠳᠠ ᠡᠭᠦᠷᠭᠡ ᠶᠢᠨ ᠲᠥᠯᠥᠭᠡ ᠲᠥᠯᠬᠢᠯᠴᠡᠨ ᠰᠢᠯᠳᠠᠭᠯᠠᠯᠴᠠᠬᠤ ᠥᠭᠡᠢ ᠪᠠᠷ ᠭᠥᠴᠥᠨ ᠵᠤᠷᠢᠭ ᠢᠶᠠᠨ ᠬᠠᠮᠳᠤᠳᠬᠠᠨ ᠴᠢᠷᠮᠠᠶᠢᠵᠤ᠂ ᠥᠪᠡᠷ ᠥᠪᠡᠷ ᠤᠨ ᠠᠵᠢᠯ | ᠤᠨ ᠬᠠᠷᠢᠭᠤᠴᠠᠯᠭ᠎ᠠ ᠪᠠᠨ ᠪᠠᠳᠤᠯᠠᠨ᠂ ᠭᠥᠭᠵᠢᠯᠳᠡ ᠶᠢ ᠠᠬᠢᠭᠤᠯᠬᠤ ᠭᠥᠴᠥᠷᠭᠡᠭ ᠶᠡᠭᠡ ᠬᠠᠮ ᠭᠥᠴᠥᠨ ᠢ ᠪᠥᠷᠢᠯᠳᠥᠭᠦᠯᠥᠨ᠎ᠡ᠃ | ᠴᠢᠳᠠᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠨᠠᠷᠢᠯᠢᠭ᠂ ᠤᠨᠤᠪᠴᠢᠳᠠᠢ᠂ ᠭᠠᠷᠮᠭᠠᠢ ᠤᠬᠠᠮᠰᠠᠷᠳᠤ ᠴᠢᠨᠠᠷ ᠢ ᠪᠤᠢ ᠪᠤᠯᠭᠠᠨ᠂ ᠵᠠᠰᠠᠭ ᠵᠠᠬᠢᠷᠭᠠᠨ ᠤ | ᠪᠥᠳᠥᠮᠵᠢ ᠴᠢᠳᠠᠯ ᠤᠨ ᠬᠤᠪᠢᠰᠬᠠᠯ ᠢ ᠠᠬᠢᠭᠤᠯᠵᠤ᠂ ᠥᠷᠭᠦᠯᠵᠢᠯᠡᠨ ᠵᠠᠰᠠᠭ ᠢ ᠴᠤᠮᠬᠠᠳᠬᠠᠨ ᠡᠷᠭᠡ ᠶᠢ ᠪᠠᠭᠤᠯᠭᠠᠨ᠂ ︽ᠵᠠᠰᠠᠭ ᠢ ᠴᠤᠮᠬᠠᠳᠬᠠᠨ ᠡᠷᠭᠡ ᠶᠢ | ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠥᠢᠯᠡᠴᠢᠯᠡᠭᠡ ᠶᠢ ᠰᠢᠯᠢᠳᠡᠭᠵᠢᠭᠦᠯᠭᠦ︾ ᠥᠭᠡᠷᠡᠴᠢᠯᠠᠯᠳᠠ ᠶᠢ ᠭᠥᠨᠵᠡᠭᠡᠶᠢᠷᠡᠭᠦᠯᠵᠥ᠂ ᠴᠢᠮᠡᠭᠡ | ᠵᠠᠩᠬᠢᠴᠢᠯᠠᠯᠳᠠ ᠪᠤᠯᠤᠨ ᠰᠥᠯᠵᠢᠶᠡᠨ ᠲᠡᠭᠡᠷᠡᠬᠢ ᠲᠤᠬᠠᠶᠢᠯᠠᠭᠰᠠᠨ ᠠᠵᠢᠯ ᠤᠨ ᠬᠠᠮᠳᠤᠷᠠᠯ ᠪᠡᠶᠡᠯᠡᠭᠦᠯᠥᠯ ᠢ ᠲᠥᠷᠭᠡᠳᠭᠡᠨ᠂ ᠴᠢᠮᠡᠭᠡ ᠵᠠᠩᠬᠢ ᠪᠤᠯᠤᠨ ᠲᠤᠭ᠎ᠠ ᠮᠠᠭᠠᠳ ᠢ | ᠢᠯᠡᠭᠦᠭᠡᠨ ᠠᠰᠢᠭᠯᠠᠵᠤ᠂ ᠠᠵᠤ ᠠᠬᠤᠶᠢᠯᠠᠯ ᠠᠷᠠᠳ ᠤᠯᠠᠨ ᠳᠤ ᠲᠥᠭᠦᠮ ᠥᠵᠡᠭᠦᠯᠥᠨ᠎ᠡ᠃ ᠵᠠᠰᠠᠭ ᠵᠠᠬᠢᠷᠭᠠᠨ ᠤ ᠠᠵᠢᠯ ᠤᠨ ᠪᠥᠳᠥᠮᠵᠢ ᠶᠢᠨ ᠬᠠᠷᠢᠭᠤᠴᠠᠯᠭ᠎ᠠ | ᠠᠰᠠᠭᠤᠬᠤ ᠲᠥᠷᠢᠮ ᠢ ᠴᠢᠩᠭᠠᠳᠬᠠᠨ᠂ ᠪᠥᠳᠥᠮᠵᠢ ᠶᠢ ᠬᠠᠷᠰᠢᠯᠠᠭᠰᠠᠨ ᠪᠡᠷᠭᠡ ᠰᠠᠭᠠᠳ ᠢ ᠡᠷᠡᠰ ᠠᠷᠢᠯᠭᠠᠵᠤ᠂ ᠥᠨᠳᠥᠷ ᠪᠥᠳᠥᠮᠵᠢ ᠲᠠᠢ ᠨᠠᠶᠢᠳᠠᠪᠤᠷᠢᠵᠢᠭᠤᠯᠤᠯ ᠢ | ᠲᠠᠳᠬᠠᠯ ᠪᠤᠯᠭᠠᠨ᠎ᠠ᠃ ᠵᠠᠰᠠᠭ ᠤᠨ ᠤᠷᠳᠤᠨ ᠤ ᠨᠠᠶᠢᠳᠠᠪᠤᠷᠢᠵᠢᠭᠤᠯᠤᠯ ᠪᠤᠯᠤᠨ ᠬᠡᠷᠡᠭᠵᠢᠭᠦᠯᠭᠦ ᠴᠢᠳᠠᠪᠤᠷᠢ ᠶᠢ ᠪᠥᠭᠦ ᠲᠠᠯ᠎ᠠ ᠪᠠᠷ ᠲᠡᠭᠡᠭᠰᠢᠯᠡᠭᠦᠯᠵᠥ᠂ ᠭᠡᠯᠡᠭᠦ᠂ ᠬᠢᠭᠦ᠂ | ᠪᠡᠶᠡᠯᠡᠭᠦᠯᠭᠦ ᠶᠢ ᠨᠢᠭᠡᠳᠭᠡᠨ᠂ ᠨᠠᠶᠢᠳᠠᠪᠤᠷᠢᠵᠢᠭᠤᠯᠤᠯ ᠲᠤᠮᠳᠠ ︽ᠬᠤᠭᠤᠰᠤᠨ ᠭᠥᠴᠥᠯᠡᠭᠦ᠂ ᠬᠤᠶᠢᠷᠭᠤᠰᠢᠨ ᠠᠯᠮᠠᠶᠢᠳᠤᠬᠤ᠂ ᠬᠤᠶᠢᠨ᠎ᠠ ᠨᠢ ᠰᠠᠭᠤᠬᠤ︾ ᠶᠢ ᠡᠷᠡᠰ | ᠲᠡᠪᠴᠢᠨ᠎ᠡ᠃ | ᠰᠢᠨᠡᠴᠢᠯᠡᠯᠳᠡ ᠵᠠᠰᠠᠯᠳᠠ ᠶᠢ ᠴᠢᠩᠭᠠᠳᠬᠠᠨ᠎ᠠ᠃ ︽ᠢᠨᠲ᠋ᠧᠷ ᠰᠥᠯᠵᠢᠶ᠎ᠡ +︾ ᠰᠢᠰᠲ᠋ᠧᠮᠳᠤ ᠰᠡᠳᠬᠢᠴᠡ ᠶᠢ ᠪᠠᠳᠤ ᠪᠠᠬᠢ ᠪᠤᠯᠭᠠᠵᠤ᠂ ᠵᠠᠰᠠᠭ ᠤᠨ | ᠤᠷᠳᠤᠨ ᠤ ᠰᠢᠨᠡᠴᠢᠯᠡᠯ ᠵᠠᠰᠠᠯᠳᠠ ᠶᠢ ᠠᠬᠢᠭᠤᠯᠤᠨ᠂ ᠲᠤᠭ᠎ᠠ ᠪᠠᠷᠢᠮᠳᠠ ᠶᠢᠨ ᠡᠬᠢ ᠰᠤᠷᠪᠤᠯᠵᠢ ᠶᠢ ᠤᠯᠠᠮ ᠴᠡᠭᠴᠡᠵᠢᠭᠦᠯᠵᠥ᠂ ︽ᠡᠭᠦᠯᠡᠨ ᠪᠤᠳᠤᠯᠳᠠ ᠶᠢᠨ | ᠥᠢᠯᠡᠴᠢᠯᠡᠭᠡ︾ ᠶᠢᠨ ᠲᠠᠪᠴᠠᠩ ᠪᠠᠶᠢᠭᠤᠯᠤᠨ᠂ ᠨᠡᠶᠢᠳᠡ ᠶᠢᠨ ᠥᠢᠯᠡᠴᠢᠯᠡᠭᠡᠨ ᠤ ᠡᠬᠢ ᠰᠤᠷᠪᠤᠯᠵᠢ ᠶᠢᠨ ᠭᠥᠳᠡᠯᠥᠩᠭᠦᠢ ᠲᠡᠩᠴᠡᠭᠦᠷᠢᠰᠢᠯ᠂ ᠰᠥᠯᠵᠢᠶᠡᠨ ᠲᠡᠭᠡᠷᠡᠬᠢ | ᠬᠤᠪᠢᠶᠠᠷᠢᠯᠠᠯ ᠢ ᠪᠡᠶᠡᠯᠡᠭᠦᠯᠵᠥ᠂ ᠲᠤᠭ᠎ᠠ ᠪᠡᠷᠢᠮᠳᠠ ᠪᠠᠷ ᠵᠠᠰᠠᠭ ᠢ ᠰᠢᠯᠢᠳᠡᠭᠵᠢᠭᠦᠯᠥᠨ ᠠᠷᠠᠳ ᠢ ᠬᠠᠷᠠᠭᠠᠯᠵᠠᠵᠤ᠂ ᠤᠯᠠᠨ ᠭᠥᠷᠢᠶ᠎ᠡ ᠬᠡᠪᠴᠢᠶᠡᠨ ᠤ ᠲᠤᠭᠠᠴᠠᠯᠠᠯᠳᠠ | ᠪᠠᠷ ᠭᠤᠤᠯ ᠪᠤᠯᠭᠠᠭᠰᠠᠨ ︽ᠤᠶᠤᠨᠴᠢ ᠡᠮᠥᠨᠡᠳᠥ ᠤᠳᠤᠭ︾ ᠢ ᠪᠠᠶᠢᠭᠤᠯᠤᠨ᠎ᠠ᠃ ᠲᠤᠰᠬᠠᠢ ᠪᠠᠷᠢᠮᠳᠠ ᠶᠢᠨ ᠭᠥᠮᠥᠷᠭᠡ ᠶᠢ ᠲᠡᠭᠦᠯᠳᠡᠷᠵᠢᠭᠦᠯᠥᠨ᠂ ᠲᠤᠭ᠎ᠠ ᠪᠠᠷᠢᠮᠳᠠ | ᠶᠢᠨ ᠵᠠᠳᠠᠯᠤᠯᠳᠠ ᠭᠡᠷᠡᠭᠯᠡᠯᠳᠡ ᠶᠢ ᠴᠢᠩᠭᠠᠳᠬᠠᠵᠤ᠂ ᠠᠵᠤ ᠠᠬᠤᠢ᠂ ᠬᠤᠳᠠ ᠪᠠᠯᠭᠠᠳ᠂ ᠨᠡᠶᠢᠭᠡᠮ ᠨᠡᠶᠢᠳᠡ ᠶᠢᠨ ᠤᠯᠠᠨ ᠬᠠᠷᠠᠭᠠᠰᠤᠳᠤ ᠲᠤᠭᠠᠴᠠᠯᠠᠭᠰᠠᠨ ᠭᠠᠵᠠᠷ | ᠤᠨ ᠵᠢᠷᠤᠭ ᠭᠠᠷᠭᠠᠵᠤ᠂ ᠵᠠᠰᠠᠭ ᠵᠠᠬᠢᠷᠭᠠᠨ ᠤ ᠰᠢᠢᠳᠪᠥᠷᠢ ᠲᠤᠭᠳᠠᠭᠠᠯᠳᠠ ᠳᠤ ᠤᠯᠠᠨ ᠲᠥᠮᠡᠨ ᠤ ᠰᠠᠨᠠᠯ ᠤᠨ ᠯᠠᠪᠯᠠᠯᠳᠠ ᠪᠤᠯᠤᠨ ᠥᠵᠡᠭᠳᠡᠯᠳᠤ ᠪᠠᠷᠢᠮᠳᠠ ᠬᠠᠩᠭᠠᠨ᠂ | ᠵᠠᠰᠠᠭ ᠤᠨ ᠤᠷᠳᠤᠨ ᠤ ᠰᠢᠢᠳᠪᠥᠷᠢ ᠶᠢᠨ ᠰᠢᠨᠵᠢᠯᠡᠭᠦ ᠤᠬᠠᠭᠠᠨᠴᠢᠯᠠᠭᠰᠠᠨ ᠲᠥᠪᠰᠢᠨ ᠢ ᠥᠨᠡᠨ ᠭᠦ ᠲᠡᠭᠡᠭᠰᠢᠯᠡᠭᠦᠯᠥᠨ᠎ᠡ᠃ | ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠎ᠠ᠃ ᠥᠢᠯᠡᠰ ᠪᠥᠳᠥᠭᠡᠨ ᠰᠢᠨᠡᠴᠢᠯᠡᠯᠳᠡ ᠬᠢᠭᠦ ᠶᠠᠪᠤᠴᠠ ᠳᠤ ᠬᠢ ᠭᠥᠮᠥᠨ ᠬᠡᠷᠡᠭᠯᠡᠭᠦ ᠲᠤᠭᠳᠠᠴᠠ ᠪᠤᠯᠤᠨ ᠠᠯᠳᠠᠰᠢ | ᠪᠤᠷᠤᠭᠤᠳᠠᠯ ᠢ ᠵᠠᠯᠠᠷᠠᠭᠤᠯᠬᠤ ᠲᠤᠭᠳᠠᠴᠠ ᠶᠢ ᠲᠡᠭᠦᠯᠳᠡᠷᠵᠢᠭᠦᠯᠥᠨ᠂ ᠥᠨᠠᠨ ᠭᠥᠴᠥᠨ ᠢᠶᠠᠷ ᠥᠢᠯᠡᠰ ᠪᠥᠳᠥᠭᠡᠭᠴᠢᠳ ᠢ ᠵᠤᠷᠢᠬᠤ ᠵᠤᠷᠢᠭ ᠲᠠᠢ ᠭᠥᠰᠡᠭᠦ ᠭᠥᠰᠡᠯ | ᠲᠠᠢ ᠪᠤᠯᠭᠠᠵᠤ᠂ ᠬᠠᠷᠢᠭᠤᠴᠠᠯᠭ᠎ᠠ ᠰᠠᠶᠢᠳᠠᠢ ᠳᠤ ᠨᠢ ᠲᠥᠰᠢᠭ ᠲᠤᠯᠤᠨ᠎ᠠ᠃ ᠬᠢᠨᠠᠯᠳᠠ ᠪᠠᠶᠢᠴᠠᠭᠠᠯᠳᠠ ᠶᠢ ᠴᠢᠩᠭᠠᠳᠬᠠᠨ᠂ ᠵᠢᠭᠠᠯᠳᠠ ᠭᠥᠢᠴᠡᠳᠭᠡᠯ ᠢ | ᠨᠠᠷᠢᠯᠢᠭᠵᠢᠭᠤᠯᠤᠨ᠂ ᠬᠠᠷᠢᠭᠤᠴᠠᠯᠭ᠎ᠠ ᠡᠭᠦᠷᠭᠡᠯᠡᠯ ᠢ ᠲᠤᠳᠤᠳᠬᠠᠵᠤ᠂ ᠰᠢᠨᠵᠢᠯᠡᠭᠦ ᠤᠬᠠᠭᠠᠨᠴᠢ ᠪᠠᠷ ᠰᠢᠯᠭᠠᠷᠠᠭᠤᠯᠵᠤ᠂ ᠬᠤᠪᠢᠶᠠᠷᠢᠯᠠᠨ ᠪᠠᠭᠤᠯᠭᠠᠭᠰᠠᠨ ᠡᠭᠦᠷᠭᠡ | ᠨᠤᠭᠤᠳ ᠢ ︽ᠲᠠᠩᠰᠠ ᠶᠤᠰᠤᠭᠠᠷ ᠰᠢᠯᠭᠠᠨ ᠬᠤᠷᠢᠶᠠᠵᠤ︾᠂ ᠵᠤᠷᠢᠭᠵᠢᠭᠤᠯᠤᠯ ᠵᠠᠯᠬᠠᠭᠠᠯ ᠢ ᠴᠢᠩᠭᠠᠳᠬᠠᠨ᠂ ᠪᠠᠶᠢᠷᠢ ᠡᠵᠡᠯᠡᠨ ᠬᠤᠭᠤᠰᠤᠨ ᠰᠠᠬᠢᠭᠴᠢᠳ᠂ ᠪᠡᠯᠡᠨ | ᠢ ᠢᠳᠡᠨ ᠵᠥᠭᠡᠷ ᠰᠠᠭᠤᠭᠴᠢᠳ᠂ ᠪᠤᠰᠤᠳ ᠢ ᠶᠥᠭᠡᠳᠡᠨ ᠪᠤᠰᠤᠷᠮᠠᠭ ᠠᠪᠤᠷᠢᠯᠠᠭᠴᠢᠳ ᠠᠴᠠ ᠡᠷᠡᠰ ᠴᠢᠩᠭ᠎ᠠ ᠪᠠᠷ ᠬᠠᠷᠢᠭᠤᠴᠠᠯᠭ᠎ᠠ ᠠᠰᠠᠭᠤᠨ᠎ᠠ᠃ ᠬᠤᠰᠢᠭᠤ | ᠲᠠᠶᠠᠭᠠᠷ ︽ᠤᠷᠤᠭᠰᠢᠯᠠᠨ ᠲᠠᠪᠰᠢᠵᠤ ᠡᠮᠥᠨ᠎ᠡ ᠨᠢ ᠮᠠᠩᠯᠠᠶᠢᠯᠠᠬᠤ︾ ᠤᠬᠠᠮᠰᠠᠷ ᠬᠠᠷᠢᠭᠤᠴᠠᠯᠭ᠎ᠠ ᠶᠢ ᠡᠷᠬᠢᠮᠯᠡᠨ᠂ ᠡᠷᠴᠢ ᠵᠤᠷᠢᠭ ᠡᠯᠢᠭᠡᠨ ᠲᠠᠮᠢᠷ ᠢᠶᠠᠨ ᠰᠢᠪᠬᠠᠨ | ᠬᠤᠰᠢᠭᠤ ᠨᠤᠳᠤᠭ ᠤᠨ ᠢᠶᠠᠨ ᠭᠡᠭᠡᠨ ᠮᠠᠷᠭᠠᠰᠢ ᠳᠤ ᠭᠥᠴᠥᠯᠡᠨᠡ᠃ | ᠠᠷᠢᠭᠤᠨ ᠴᠢᠭᠡᠴᠢ ᠲᠥᠪ ᠰᠠᠬᠢᠯᠭ᠎ᠠ ᠢ ᠴᠢᠩᠭᠠᠳᠬᠠᠨ᠎ᠠ᠃ ︽ᠲᠥᠪ ᠤᠨ ᠨᠠᠢᠮᠠᠨ ᠲᠤᠭᠳᠠᠭᠠᠯ︾ ᠤᠨ ᠵᠤᠷᠢᠭ ᠰᠠᠨᠠᠭ᠎ᠠ ᠪᠤᠯᠤᠨ ᠬᠡᠷᠡᠭᠵᠢᠭᠦᠯᠭᠦ ᠨᠡᠷᠢᠨ | ᠲᠥᠷᠢᠮ ᠢ ᠰᠠᠶᠢᠳᠤᠷ ᠭᠡᠷᠡᠭᠵᠢᠭᠦᠯᠥᠨ᠂ ᠲᠥᠷᠥ ᠶᠢᠨ ᠶᠠᠪᠤᠳᠠᠯ ᠤᠨ ᠬᠤᠷᠢᠶᠠᠨ ᠤ ︽ᠭᠤᠷᠪᠠᠨ ᠵᠢᠷᠤᠮᠯᠠᠯ︾ ᠢ ᠨᠠᠶᠢᠳᠠᠪᠤᠷᠢᠵᠢᠭᠤᠯᠵᠤ᠂ ︽ᠲᠥᠷᠪᠡᠨ ᠨᠠᠵᠠᠭᠠᠢ | ᠰᠤᠷᠳᠠᠯ︾ ᠢ ᠥᠷᠭᠦᠯᠵᠢᠳᠡ ᠡᠰᠡᠷᠭᠦᠴᠡᠨ᠂ ᠬᠡᠪ ᠰᠤᠷᠳᠠᠯ ᠢᠶᠠᠨ ᠰᠠᠶᠢᠵᠢᠷᠠᠭᠤᠯᠤᠨ᠎ᠠ᠃ ︽ᠭᠤᠷᠪᠠᠨ ᠠᠯᠪᠠᠨ ᠤ ᠵᠠᠷᠤᠳᠠᠯ︾ ᠢ ᠪᠠᠭᠠᠰᠬᠠᠨ᠂ ᠠᠷᠪᠢᠴᠢ ᠭᠠᠮᠳᠠᠢ | ᠠᠵᠢᠯᠯᠠᠨ ᠢᠯᠡ ᠲᠤᠳᠤ ᠵᠠᠰᠠᠭᠯᠠᠵᠤ᠂ ᠠᠮᠠᠯᠠᠭᠰᠠᠨ ᠵᠥᠢᠯ ᠢᠶᠠᠨ ᠭᠥᠢᠴᠡᠳᠭᠡᠨ᠂ ᠵᠠᠰᠠᠭ ᠤᠨ ᠤᠷᠳᠤᠨ ᠤ ᠨᠡᠶᠢᠳᠡ ᠶᠢᠨ ᠢᠳᠡᠭᠡᠮᠵᠢ ᠶᠢ ᠲᠡᠭᠡᠭᠰᠢᠯᠡᠭᠦᠯᠥᠨ᠎ᠡ︔ | ᠤᠳᠤᠷᠢᠳᠤᠯᠭ᠎ᠠ ᠺᠠᠳ᠋ᠷᠴᠤᠳ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠶᠢᠨ ᠪᠥᠭᠦ ᠪᠥᠷᠭᠦᠴᠡ ᠶᠢ ᠠᠬᠢᠭᠤᠯᠤᠨ᠂ ᠡᠯ᠎ᠡ ᠲᠥᠷᠥᠯ ᠤᠨ | ᠢᠯᠵᠢᠷᠡᠯ ᠤᠨ ᠭᠡᠷᠡᠭ ᠢ ᠰᠡᠷᠭᠡᠶᠢᠯᠡᠨ ᠰᠢᠢᠳᠪᠥᠷᠢᠯᠡᠵᠥ᠂ ᠤᠯᠠᠨ ᠲᠥᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠡᠷᠡᠰ ᠵᠠᠯᠠᠷᠠᠭᠤᠯᠤᠨ᠂ ᠠᠷᠠᠳ | ᠤᠨ ᠲᠥᠯᠥᠭᠡᠨ᠎ᠡ ᠵᠠᠰᠠᠭᠯᠠᠬᠤ ᠶᠢᠨ ᠪᠠᠳᠤ ᠰᠠᠭᠤᠷᠢ ᠶᠢ ᠪᠠᠬᠢᠯᠡᠵᠥ᠂ ᠠᠵᠢᠯ ᠤᠨ ᠬᠠᠷᠢᠭᠤᠴᠠᠯᠭ᠎ᠠ ᠪᠠᠨ ᠭᠥᠢᠴᠡᠳᠭᠡᠭᠦ ᠴᠢᠭᠯᠡᠯ ᠵᠥᠭ ᠢᠶᠠᠨ ᠲᠤᠳᠤᠳᠬᠠᠨ᠂ ᠢᠯᠵᠢᠷᠡᠯ | ᠲᠤᠷᠤᠶᠢᠳᠠᠯ ᠢ ᠡᠰᠡᠷᠭᠦᠴᠡᠭᠦ ᠭᠥᠴᠥᠨ ᠵᠤᠷᠢᠭ ᠢ ᠡᠷᠴᠢᠯᠡᠵᠥ᠂ ᠴᠢᠨᠠᠷ ᠠᠷᠢᠭᠤᠨ ᠵᠢᠳᠭᠦᠯ ᠥᠨᠡᠨᠴᠢ ᠪᠠᠶᠢᠬᠤ ᠪᠠᠨ ᠪᠠᠳᠤᠯᠠᠨ᠎ᠠ᠃ | ᠲᠥᠯᠥᠭᠡᠯᠡᠭᠴᠢᠳ ᠡ᠂ ᠠᠤᠭ᠎ᠠ ᠡᠷᠡᠨ ᠭᠥᠰᠡᠯ ᠢ ᠬᠥᠪᠴᠢᠯᠡᠵᠥ᠂ ᠠᠭᠤᠤ ᠥᠢᠯᠡᠰ ᠭᠥᠴᠥᠨ ᠢ ᠡᠷᠴᠢᠯᠡᠭᠦᠯᠵᠥ ᠪᠤᠢ᠃ ᠠᠶᠠᠨ ᠤ ᠬᠤᠯᠠ ᠭᠡᠳᠥᠢ | ᠪᠡᠷᠭᠡ ᠰᠠᠭᠠᠳ ᠲᠠᠢ ᠪᠠᠶᠢᠭᠰᠠᠨ ᠴᠤ᠂ ᠪᠢᠳᠠ ᠵᠤᠷᠢᠯᠳᠠ ᠪᠠᠨ ᠨᠢᠭᠡᠳᠭᠡᠨ ᠵᠤᠷᠢᠭ ᠢᠶᠠᠨ ᠬᠠᠮᠳᠤᠳᠬᠠᠪᠠᠯ ᠡᠴᠥᠰ ᠤᠨ ᠢᠯᠠᠯᠳᠠ ᠶᠢ ᠯᠠᠪᠳᠠᠶᠢᠶ᠎ᠠ ᠤᠯᠬᠤ ᠶᠤᠮ᠃ | ᠪᠢᠳᠠ᠂ ᠰᠢ ᠶᠢᠨ ᠫᠢᠩ ᠨᠥᠭᠦᠷ ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠶᠢᠨ ᠲᠤᠭᠤᠷᠢᠨ ᠳᠤ ᠪᠠᠳᠤ ᠪᠥᠯᠭᠦᠮᠳᠠᠵᠤ᠂ ᠬᠤᠰᠢᠭᠤ ᠨᠠᠮ ᠤᠨ ᠬᠤᠷᠢᠶᠠᠨ ᠤ | ᠡᠷᠴᠢᠳᠤ ᠤᠳᠤᠷᠢᠳᠤᠯᠭ᠎ᠠ ᠲᠤᠤᠷ᠎ᠠ ᠤᠭ ᠵᠤᠷᠢᠯᠳᠠ ᠪᠠᠨ ᠤᠮᠠᠷᠳᠠᠯ ᠥᠭᠡᠢ ᠲᠠᠷᠬᠠᠨ ᠬᠠᠷᠢᠭᠤᠴᠠᠯᠭ᠎ᠠ ᠪᠠᠨ ᠪᠠᠳᠤ ᠴᠠᠬᠡᠵᠢᠯᠡᠵᠥ᠂ ᠠᠰᠢᠳᠠ ᠪᠠᠳᠤ ᠪᠥᠯᠭᠦᠮᠳᠠᠨ | ᠠᠰᠢᠭ ᠵᠢᠷᠭᠠᠯ ᠢ ᠪᠥᠳᠥᠭᠡᠵᠥ᠂ ᠤᠯᠠᠨ ᠠᠴᠠ ᠤᠷᠤᠶᠢᠯᠠᠨ ᠴᠢᠨᠡᠭᠡᠯᠢᠭ ᠨᠡᠶᠢᠭᠡᠮ ᠢ ᠪᠥᠭᠦ ᠲᠠᠯ᠎ᠠ ᠪᠠᠷ ᠪᠠᠶᠢᠭᠤᠯᠵᠤ᠂ ᠡᠯ᠎ᠡ ᠲᠥᠷᠥᠯ ᠤᠨ ᠠᠵᠢᠯ ᠢᠶᠠᠨ ᠪᠥᠭᠦ ᠤᠯᠤᠰ | ᠤᠨ ᠲᠡᠷᠢᠭᠦᠨ ᠤ ᠡᠩᠨᠡᠭᠡᠨ ᠳᠤ ᠤᠷᠤᠭᠤᠯᠬᠤ ᠠᠭᠤᠤ ᠶᠡᠭᠡ ᠬᠠᠷᠠᠯᠳᠠ ᠶᠢᠨ ᠲᠥᠯᠥᠭᠡᠨ᠎ᠡ ᠴᠤᠴᠠᠰᠢ ᠥᠭᠡᠢ ᠲᠡᠮᠡᠴᠠᠰᠥᠭᠡᠢ︕ | | | ᠨᠡᠷᠡᠰ ᠤᠨ ᠲᠠᠶᠢᠯᠪᠤᠷᠢ | 1. ︽ᠲᠡᠰ ᠴᠢᠨᠠᠷᠳᠤ ᠮᠠᠯ ᠲᠠᠷᠢᠶᠠᠯᠠᠩ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ᠂ ᠪᠤᠯᠪᠠᠰᠤᠷᠠᠯ ᠰᠠᠶᠢᠳᠠᠢ ᠮᠠᠯᠴᠢᠨ ᠲᠠᠷᠢᠶᠠᠴᠢᠳ︾᠄ ᠬᠤᠰᠢᠭᠤ ᠨᠠᠮ | ᠤᠨ ᠬᠤᠷᠢᠶ᠎ᠠ ᠶᠢᠨ ᠶᠢᠰᠥᠳᠥᠭᠡᠷ ᠬᠤᠭᠤᠴᠠᠭᠠᠨ ᠤ ᠭᠤᠷᠪᠠᠳᠤᠭᠠᠷ ᠪᠥᠭᠦᠳᠡ ᠬᠤᠷᠠᠯᠳᠤᠭᠠᠨ ᠠᠩᠬ᠎ᠠ ᠲᠤᠷᠠᠳᠴᠤ ᠭᠠᠷᠭᠠᠭᠰᠠᠨ ᠪᠤᠳᠤᠯᠭ᠎ᠠ᠃ ᠮᠠᠨ ᠤ ᠬᠤᠰᠢᠭᠤ ︽ | ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠳ︾ ᠤᠨ ᠠᠰᠠᠭᠤᠳᠠᠯ ᠳᠤ ᠴᠢᠭᠯᠡᠭᠦᠯᠥᠨ᠂ ᠲᠡᠰ ᠴᠢᠨᠠᠷᠳᠤ ᠮᠠᠯ ᠲᠠᠷᠢᠶᠠᠯᠠᠩ ᠤᠨ ᠥᠢᠯᠡᠰ | ᠢ ᠴᠤᠭᠴᠠᠯᠠᠵᠤ᠂ ᠬᠡᠪ ᠴᠢᠨᠰᠠᠭᠠᠳᠤ ᠮᠠᠯᠵᠢᠬᠤ ᠲᠠᠷᠢᠶᠠᠯᠠᠬᠤ ᠤᠷᠤᠨ ᠢ ᠪᠠᠶᠢᠭᠤᠯᠤᠨ᠂ ᠮᠠᠯᠴᠢᠨ ᠲᠠᠷᠢᠶᠠᠴᠢᠳ ᠢ ᠪᠤᠯᠪᠠᠰᠤᠷᠠᠯ ᠮᠡᠷᠭᠡᠵᠢᠯ ᠰᠠᠶᠢᠳᠠᠢ ᠪᠤᠯᠭᠠᠵᠤ᠂ ᠮᠠᠯ | ᠲᠠᠷᠢᠶᠠᠯᠠᠩ ᠤᠨ ᠥᠢᠯᠡᠰ ᠤᠨ ᠲᠤᠳᠤᠭᠠᠳᠤ ᠠᠮᠢᠵᠢᠷᠠᠯ ᠤᠨ ᠭᠥᠴᠥᠨ ᠢ ᠢᠳᠡᠪᠬᠢᠯᠡᠭᠦᠯᠤᠨ᠂ ᠮᠠᠯᠵᠢᠬᠤ ᠲᠠᠷᠢᠶᠠᠯᠠᠬᠤ ᠤᠷᠤᠨ ᠤ ᠭᠥᠭᠵᠢᠯᠳᠡ ᠶᠢ ᠲᠥᠷᠭᠡᠳᠭᠡᠵᠥ᠂ | ᠮᠠᠯᠴᠢᠨ ᠲᠠᠷᠢᠶᠠᠴᠢᠳ ᠤᠨᠤᠷᠤᠯᠭᠠ ᠶᠢ ᠨᠡᠮᠡᠭᠳᠡᠭᠦᠯᠥᠨ ᠴᠢᠨᠡᠭᠡᠯᠢᠭᠵᠢᠭᠦᠯᠭᠦ ᠵᠤᠷᠢᠯᠭ᠎ᠠ ᠲᠠᠢ ᠪᠤᠳᠤᠯᠭ᠎ᠠ ᠶᠤᠮ᠃ | 2. ᠪᠥᠭᠦ ᠴᠠᠷᠠᠭᠠᠨ ᠤ ᠵᠢᠭᠤᠯᠴᠢᠯᠠᠯ᠄ ᠨᠢᠭᠡ ᠤᠷᠤᠨ ᠬᠡᠪᠴᠢᠶ᠎ᠡ ᠲᠤᠳᠤᠷ᠎ᠠ ᠵᠢᠭᠤᠯᠴᠢᠯᠠᠯ ᠢᠶᠠᠷ ᠲᠠᠪᠠᠭᠤᠯᠢᠭᠳᠤ ᠠᠵᠤ ᠥᠢᠯᠡᠰ ᠪᠤᠯᠭᠠᠨ᠂ ᠤᠷᠤᠨ ᠬᠡᠪᠴᠢᠶ᠎ᠡ | ᠲᠤᠳᠤᠷᠠᠬᠢ ᠠᠵᠤ ᠠᠬᠤᠢ ᠨᠡᠶᠢᠭᠡᠮ ᠤᠨ ᠡᠬᠢ ᠰᠤᠷᠪᠤᠯᠵᠢ᠂ ᠤᠨᠴᠠᠭᠠᠶᠢᠯᠠᠨ ᠵᠢᠭᠤᠯᠴᠢᠯᠠᠯ ᠤᠨ ᠡᠬᠢ ᠰᠤᠷᠪᠤᠯᠵᠢ ᠪᠠ ᠲᠡᠭᠦᠨ ᠯᠦᠭᠡ ᠬᠤᠯᠪᠤᠭ᠎ᠠ ᠪᠥᠭᠦᠢ ᠠᠵᠤ | ᠥᠢᠯᠡᠰ᠂ ᠠᠮᠢ ᠠᠬᠤᠢ ᠤᠷᠴᠢᠨ ᠲᠤᠭᠤᠷᠢᠨ᠂ ᠤᠯᠠᠨ ᠨᠡᠶᠢᠳᠡ ᠶᠢᠨ ᠥᠢᠯᠡᠴᠢᠯᠡᠭᠡ᠂ ᠪᠠᠶᠢᠭᠤᠯᠤᠮᠵᠢ ᠶᠢᠨ ᠲᠤᠭᠳᠠᠴᠠ᠂ ᠲᠥᠷᠥ ᠶᠢᠨ ᠪᠤᠳᠤᠯᠭ᠎ᠠ ᠬᠠᠤᠯᠢ ᠲᠥᠷᠢᠮ | ᠂ ᠪᠤᠯᠪᠠᠰᠤᠨ ᠶᠤᠰᠤ ᠰᠤᠷᠳᠠᠯ ᠵᠡᠷᠭᠡ ᠶᠢ ᠪᠥᠭᠦ ᠲᠠᠯ᠎ᠠ ᠪᠠᠷ ᠰᠢᠰᠲ᠋ᠧᠮ ᠲᠠᠢ ᠪᠠᠷ ᠰᠢᠯᠢᠳᠡᠭᠵᠢᠭᠦᠯᠥᠨ ᠲᠡᠰ ᠲᠠᠪᠰᠢᠭᠤᠯᠬᠤ ᠪᠠᠷ ᠲᠠᠮᠵᠢᠭᠤᠯᠤᠨ᠂ ᠤᠷᠤᠨ ᠬᠡᠪᠴᠢᠶᠡᠨ | ᠤ ᠡᠬᠢ ᠰᠤᠷᠪᠤᠯᠵᠢ ᠶᠢᠨ ᠤᠷᠭᠠᠨᠢᠭ ᠨᠢᠭᠡᠳᠥᠯ᠂ ᠠᠵᠤ ᠥᠢᠯᠡᠰ ᠤᠨ ᠠᠭᠤᠰᠤᠯᠴᠠᠯ ᠭᠥᠭᠵᠢᠯ᠂ ᠨᠠᠶᠢᠭᠡᠮ ᠤᠨ ᠬᠠᠮ ᠪᠥᠳᠥᠭᠡᠯ ᠴᠤᠭ ᠡᠳ᠋ᠯᠡᠯ ᠢ ᠪᠡᠶᠡᠯᠡᠭᠦᠯᠵᠥ᠂ | ᠵᠢᠭᠤᠯᠴᠢᠯᠠᠯ ᠤᠨ ᠥᠢᠯᠡᠰ ᠢᠶᠠᠷ ᠠᠵᠤ ᠠᠬᠤᠢ ᠨᠡᠶᠢᠭᠡᠮ ᠤᠨ ᠵᠤᠬᠢᠴᠠᠯᠳᠤ ᠭᠥᠭᠵᠢᠯᠳᠡ ᠶᠢ ᠲᠠᠶᠢᠴᠢᠯᠠᠨ ᠭᠥᠭᠵᠢᠭᠡᠭᠦ ᠨᠢᠭᠡᠨ ᠲᠥᠷᠥᠯ ᠤᠨ ᠴᠥ᠋ ᠰᠢᠨ᠎ᠡ ᠤᠷᠤᠨ | ᠬᠡᠪᠴᠢᠶᠡᠨ ᠤ ᠵᠤᠬᠢᠴᠠᠯᠳᠤ ᠭᠥᠭᠵᠢᠭᠦᠯᠥᠯᠳᠡ ᠶᠢᠨ ᠰᠡᠳᠬᠢᠮᠵᠢ ᠪᠠ ᠵᠠᠭᠪᠤᠷ ᠪᠣᠯᠣᠨ᠎ᠠ᠃ | 3. ︽LNG︾᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ︵Liquefied Natural Gas︶ ᠶᠢᠨ ᠲᠤᠪᠴᠢᠯᠠᠯ ᠪᠢᠴᠢᠯᠭᠡ᠃ | 4. ︽ᠵᠢᠷᠭᠤᠭᠠᠵᠢᠯᠳᠠ ᠶᠢᠨ ᠬᠤᠯᠪᠤᠭᠠᠯᠠᠯ︾᠄ ᠮᠠᠨ ᠤ ᠬᠤᠰᠢᠭᠤ ᠮᠠᠯ ᠲᠠᠷᠢᠶᠠᠯᠠᠩ ᠤᠨ ᠥᠢᠯᠡᠰ ᠢ ᠲᠡᠰ ᠲᠠᠪᠰᠢᠭᠤᠯᠤᠨ ᠴᠢᠨᠠᠷ ᠲᠡᠭᠡᠭᠰᠢᠯᠡᠭᠦᠯᠭᠦ ᠵᠤᠷᠢᠯᠭ᠎ᠠ ᠪᠠᠷ | ᠲᠤᠭᠳᠠᠭᠠᠭᠰᠠᠨ ᠪᠤᠳᠤᠯᠭ᠎ᠠ᠃ ᠲᠤᠬᠠᠶᠢᠯᠠᠪᠠᠯ ᠬᠡᠪᠴᠢᠶᠡᠵᠢᠯ ᠡᠵᠡᠩᠨᠡᠯᠳᠡ᠂ ᠠᠵᠤ ᠥᠢᠯᠡᠰᠵᠢᠭᠰᠡᠨ ᠭᠥᠭᠵᠢᠯᠳᠡ᠂ ᠵᠤᠬᠢᠶᠠᠨ ᠪᠠᠶᠢᠭᠤᠯᠤᠯᠳᠠ ᠲᠠᠢ ᠪᠥᠳᠥᠮᠵᠢ | ᠲᠡᠭᠡᠭᠰᠢᠯᠡᠭᠦᠯᠥᠯᠳᠡ᠂ ᠨᠡᠷᠡᠳᠤ ᠲᠡᠮᠳᠡᠭ ᠲᠠᠢ ᠤᠷᠤᠯᠭ᠎ᠠ ᠨᠡᠮᠡᠭᠳᠡᠯ᠂ ᠵᠠᠬ᠎ᠠ ᠲᠡᠯᠭᠡᠭᠦᠷᠴᠢᠯᠡᠭᠰᠡᠨ ᠡᠵᠡᠩᠨᠡᠯᠳᠡ ᠪᠤᠷᠤᠯᠠᠭᠤᠯᠤᠯᠳᠠ ᠪᠤᠯᠤᠨ ᠪᠠᠷᠢᠮᠵᠢᠶᠠᠴᠢᠯᠠᠭᠰᠠᠨ | ᠥᠢᠯᠡᠴᠢᠯᠡᠭᠡ ᠬᠢᠭᠦ ᠵᠢᠷᠭᠤᠭᠠᠨ ᠲᠥᠷᠥᠯ ᠤᠨ ᠠᠷᠭ᠎ᠠ ᠠᠪᠴᠠᠯ᠃ | 5. ︽ᠭᠤᠷᠪᠠᠨ ᠪᠥᠳᠥᠭᠡᠭᠳᠡᠭᠦᠨ ᠨᠢᠭᠡ ᠢᠯᠡᠳᠭᠡᠯ ᠲᠠᠩᠰᠠᠯᠠᠯᠳᠠ︾᠄ ᠮᠠᠯ ᠲᠠᠷᠢᠶᠠᠨ ᠤ ᠪᠤᠬᠢᠷᠳᠤᠯ ᠥᠭᠡᠢ ᠠᠰᠢᠭ ᠰᠢᠮ᠎ᠡ᠂ ᠪᠤᠵᠠᠷᠳᠤᠯ ᠥᠭᠡᠢ ᠢᠳᠡᠭᠡᠨ᠂ ᠮᠠᠯ | ᠲᠠᠷᠢᠶᠠᠨ ᠤ ᠤᠷᠭᠠᠨᠢᠭ ᠪᠥᠳᠥᠭᠡᠭᠳᠡᠭᠦᠨ ᠬᠢᠭᠡᠳ ᠮᠠᠯ ᠲᠠᠷᠢᠶᠠᠨ ᠤ ᠠᠰᠢᠭ ᠰᠢᠮ᠎ᠡ ᠶᠢᠨ ᠭᠠᠵᠠᠷ ᠵᠥᠢ ᠶᠢᠨ ᠢᠯᠡᠳᠭᠡᠯ ᠲᠠᠩᠰᠠᠯᠠᠯᠳᠠ ᠶᠢ ᠬᠡᠯᠡᠵᠥ ᠪᠤᠢ᠃ | 6. ᠮᠠᠯᠵᠢᠬᠤ ᠲᠠᠷᠢᠶᠠᠯᠠᠬᠤ ᠤᠷᠤᠨ ᠤ ︽ᠵᠢᠷᠭᠤᠭᠠᠨ ᠡᠷᠭᠡ ᠶᠢᠨ ᠬᠠᠮᠳᠤ ᠲᠤᠳᠤᠷᠬᠠᠶᠢᠯᠠᠯᠳᠠ︾᠄ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ | ᠲᠠᠭᠠᠭᠠᠴᠢᠯᠠᠨ ᠡᠵᠡᠩᠨᠡᠭᠦ ᠡᠷᠭᠡ᠂ ᠬᠠᠮᠳᠤ ᠶᠢᠨ ᠭᠠᠵᠠᠷ ᠰᠢᠷᠥᠢ ᠶᠢᠨ ᠥᠮᠴᠢᠯᠡᠯ ᠤᠨ ᠡᠷᠭᠡ᠂ ᠬᠠᠮᠳᠤ ᠶᠢᠨ ᠪᠥᠳᠥᠭᠡᠨ ᠪᠠᠶᠢᠭᠤᠯᠤᠯᠳᠠ ᠳᠤ ᠭᠡᠷᠡᠭᠯᠡᠭᠦ ᠭᠠᠵᠠᠷ | ᠰᠢᠷᠥᠢ ᠶᠢ ᠠᠰᠢᠭᠯᠠᠬᠤ ᠡᠷᠭᠡ ︵ᠤᠷᠤᠨ ᠰᠠᠭᠤᠴᠠ ᠶᠢᠨ ᠰᠠᠭᠤᠷᠢ ᠭᠠᠵᠠᠷ ᠤᠨ ᠭᠡᠷᠡᠭᠯᠡᠯᠳᠡ ᠶᠢᠨ ᠡᠷᠭᠡ ᠶᠢ ᠪᠠᠭᠳᠠᠭᠠᠵᠤ ᠪᠤᠢ︶᠂ ᠬᠠᠮᠳᠤ ᠶᠢᠨ ᠪᠥᠳᠥᠭᠡᠨ | ᠪᠠᠶᠢᠭᠤᠯᠤᠯᠳᠠ ᠳᠤ ᠭᠡᠷᠡᠭᠯᠡᠭᠦ ᠭᠠᠵᠠᠷ ᠰᠢᠷᠥᠢ ᠲᠡᠭᠡᠷᠡᠬᠢ ᠬᠡᠷ ᠪᠠᠶᠢᠰᠢᠩ ︵ᠲᠠᠷᠢᠶᠠᠨ ᠪᠠᠶᠢᠰᠢᠩ ᠢ ᠪᠠᠭᠳᠠᠭᠠᠨ᠎ᠠ︶ ᠤᠨ ᠥᠮᠴᠢᠯᠡᠯ ᠤᠨ ᠡᠷᠭᠡ᠂ ᠬᠠᠮᠳᠤ ᠶᠢᠨ ᠤᠢ | ᠶᠢᠨ ᠡᠷᠭᠡ᠂ ᠪᠠᠭ᠎ᠠ ᠭᠡᠯᠪᠡᠷᠢ ᠶᠢᠨ ᠤᠰᠤᠨ ᠠᠰᠢᠭᠯᠠᠯᠳᠠ ᠶᠢᠨ ᠪᠠᠷᠢᠯᠭ᠎ᠠ ᠶᠢᠨ ᠡᠷᠭᠡ ᠶᠢᠨ ᠡᠷᠭᠡ ᠲᠤᠳᠤᠳᠬᠠᠬᠤ ᠠᠵᠢᠯ ᠢ ᠵᠢᠭᠠᠵᠤ ᠪᠤᠢ᠃ | 7. ᠮᠠᠯ ᠤᠨ ᠮᠢᠬᠠᠨ ᠤ ᠪᠦᠬᠦ ᠤᠶᠢᠯᠡᠰ ᠤᠨ ᠬᠡᠯᠬᠢᠶᠡᠨ ᠤ ᠬᠡᠳᠡᠷᠬᠦ ᠨᠡᠬᠡᠮᠵᠢᠯᠡᠬᠦ ᠰᠢᠰᠲ᠋ᠧᠮ᠄ ᠢᠳᠡᠭᠡᠨ ᠤ ᠠᠮᠦᠷ ᠲᠦᠪᠰᠢᠨ ᠤ ᠭᠡᠳᠡᠷᠬᠦ ᠨᠡᠬᠡᠮᠵᠢᠯᠡᠬᠦ ᠬᠠᠮᠢᠶᠠᠷᠣᠯᠳᠠ | ᠶᠢᠨ ᠲᠠᠪᠴᠠᠩ ᠢ ᠪᠠᠶᠢᠭᠤᠯᠵᠣ᠂ ᠠᠯᠠᠰᠢᠨ ᠮᠠᠯ ᠤᠨ ᠠᠷᠠᠴᠢᠯᠠᠯᠳᠠ᠂ ᠡᠳ᠋ᠰᠢᠭᠦᠯᠦᠯᠳᠠ᠂ ᠭᠦᠢᠯᠭᠡᠭᠡ ᠪᠣᠯᠣᠨ ᠭᠡᠷᠡᠭᠯᠡᠭᠡᠨ ᠤ ᠪᠦᠬᠦ ᠣᠶᠢᠯᠠᠰ ᠤᠨ ᠬᠡᠯᠬᠢᠶ᠎ᠡ ᠶᠢ | ᠠᠯᠭᠠᠰᠠᠯ ᠥᠭᠡᠢ ᠬᠢᠨᠠᠨ ᠬᠠᠮᠢᠶᠠᠷᠴᠤ᠂ ᠡᠬᠢ ᠢᠷᠠᠯᠳᠠ ᠶᠢ ᠨᠢ ᠭᠡᠳᠡᠷᠬᠦ ᠨᠡᠬᠡᠮᠵᠢᠯᠡᠵᠣ᠂ ᠪᠣᠷᠣᠯᠠᠭᠤᠯᠣᠭᠰᠠᠨ ᠭᠠᠵᠠᠷ ᠢ ᠪᠠᠶᠢᠴᠠᠭᠠᠨ᠂ ᠬᠠᠷᠢᠭᠤᠴᠠᠯᠭ᠎ᠠ ᠨᠡᠬᠡᠮᠵᠢᠯᠡᠬᠦ | ᠪᠦᠬᠦ ᠶᠠᠪᠣᠴᠠ ᠶᠢᠨ ᠰᠢᠰᠲ᠋ᠧᠮᠴᠢᠯᠡᠭᠰᠠᠨ ᠨᠡᠬᠡᠮᠵᠢᠯᠠᠯ ᠤᠨ ᠬᠠᠮᠢᠶᠠᠷᠣᠯᠳᠠ ᠶᠢ ᠵᠢᠭᠠᠨ᠎ᠠ᠃ 2015 ᠣᠨ ᠤ 10 ᠰᠠᠷ᠎ᠠ ᠳᠤ ᠮᠠᠨ ᠤ ᠬᠤᠰᠢᠭᠤ ᠣᠷᠳᠣᠰ ᠬᠤᠳᠠ | ᠶᠢᠨ ᠣᠳᠣ ᠦᠶ᠎ᠡ ᠶᠢᠨ ᠮᠠᠯ ᠲᠠᠷᠢᠶᠠᠯᠠᠩ ᠤᠨ ᠪᠦᠬᠦ ᠣᠶᠢᠯᠠᠰ ᠤᠨ ᠬᠡᠯᠬᠢᠶᠠᠨ ᠤ ᠭᠡᠳᠡᠷᠬᠦ ᠨᠡᠬᠡᠮᠵᠢᠯᠡᠬᠦ ᠰᠢᠰᠲ᠋ᠧᠮ ᠤᠨ ᠲᠣᠷᠰᠢᠯᠳᠠ ᠶᠢᠨ ᠴᠡᠭ ᠪᠣᠯᠵᠣ᠂ ᠡᠨᠡ ᠬᠦ | ᠰᠢᠰᠲ᠋ᠧᠮ ᠢ ᠪᠦᠬᠦ ᠲᠠᠯ᠎ᠠ ᠪᠠᠷ ᠡᠬᠢᠯᠡᠨ ᠬᠡᠷᠡᠭᠵᠢᠭᠦᠯᠪᠡ᠃ | 8. ᠭᠠᠵᠠᠷ ᠲᠤᠤᠷᠠᠬᠢ ᠤᠰᠤ ᠶᠢ ︽ᠶᠡᠷᠥᠩᠭᠡᠢ ᠭᠡᠮᠵᠢᠶ᠎ᠡ ᠶᠢ ᠬᠢᠵᠠᠭᠠᠷᠯᠠᠨ᠂ ᠨᠤᠷᠮᠠᠴᠢᠯᠠᠨ ᠬᠠᠮᠢᠶᠠᠷᠬᠤ︾᠄ ᠮᠠᠨ ᠤ ᠬᠤᠰᠢᠭᠤ ᠤᠰᠤᠨ ᠡᠬᠢ ᠰᠤᠷᠪᠤᠯᠵᠢ ᠶᠢᠨ | ᠬᠠᠮᠢᠶᠠᠷᠤᠯᠳᠠ ᠲᠡᠭᠡᠷ᠎ᠡ ᠬᠠᠮᠤᠭ ᠴᠢᠩᠭ᠎ᠠ ᠥᠭᠡᠷᠡᠴᠢᠯᠡᠯᠳᠡ ᠶᠢᠨ ᠠᠷᠭ᠎ᠠ ᠠᠪᠴᠠᠯ ᠠᠪᠬᠤ ᠪᠠᠷ ᠲᠤᠷᠠᠳᠤᠭᠰᠠᠨ ᠲᠤᠭᠳᠠᠭᠠᠯ᠃ ᠲᠠᠷᠤᠢ᠂ ᠪᠥᠭᠦ ᠬᠤᠰᠢᠭᠤᠨ ᠤ | ᠭᠠᠵᠠᠷ ᠲᠤᠤᠷᠠᠬᠢ ᠤᠰᠤ ᠶᠢ ᠶᠡᠷᠥᠩᠭᠡᠢ ᠭᠡᠮᠵᠢᠶ᠎ᠡ ᠪᠠᠷ ᠨᠢ ᠥᠨᠳᠥᠰᠥᠯᠡᠨ ᠲᠥᠷᠪᠡᠨ ᠬᠤᠪᠢᠳᠠᠯ ᠬᠤᠪᠢᠶᠠᠷᠢᠯᠠᠯ ᠤᠨ ᠲᠡᠰ ᠲᠤᠭᠳᠠᠭᠠᠵᠤ᠂ ᠨᠢᠭᠡᠳᠥᠭᠡᠷ ᠲᠡᠰ ᠲᠤ | ᠠᠵᠢᠯ ᠲᠥᠷᠥᠯ ᠤᠨ ᠤᠰᠤ ᠬᠡᠷᠡᠭᠯᠡᠭᠦ ᠬᠤᠪᠢ ᠭᠡᠮᠵᠢᠶ᠎ᠡ ᠶᠢ ᠲᠤᠭᠳᠠᠭᠠᠬᠤ︔ ᠬᠤᠶᠠᠳᠤᠭᠠᠷ ᠲᠡᠰ ᠲᠤ ᠡᠯ᠎ᠡ ᠪᠠᠯᠭᠠᠰᠤᠨ ᠤ ᠤᠰᠤ ᠬᠡᠷᠡᠭᠯᠡᠭᠦ ᠬᠤᠪᠢ ᠬᠡᠮᠵᠢᠶ᠎ᠡ ᠶᠢ | ᠲᠤᠭᠳᠠᠭᠠᠬᠤ︔ ᠭᠤᠷᠪᠠᠳᠤᠭᠠᠷ ᠲᠡᠰ ᠲᠤ ᠭᠠᠴᠠᠭ᠎ᠠ ᠲᠤᠰᠬᠤᠨ ᠨᠤᠭᠤᠳ ᠤᠨ ᠤᠰᠤ ᠬᠡᠷᠡᠭᠯᠡᠭᠦ ᠬᠤᠪᠢ ᠬᠡᠮᠵᠢᠶ᠎ᠡ ᠶᠢ ᠲᠤᠭᠳᠠᠭᠠᠬᠤ︔ ᠲᠥᠷᠪᠡᠳᠥᠭᠡᠷ ᠲᠡᠰ ᠲᠤ | ᠠᠶᠢᠯ ᠡᠷᠥᠭᠡ ᠶᠢᠨ ᠤᠰᠤ ᠬᠡᠷᠡᠭᠯᠡᠭᠦ ᠬᠤᠪᠢ ᠭᠡᠮᠵᠢᠶ᠎ᠡ ᠶᠢ ᠲᠤᠭᠳᠠᠭᠠᠬᠤ ᠲᠤᠭᠳᠠᠭᠠᠯ ᠢ ᠭᠡᠯᠡᠵᠥ ᠪᠤᠢ᠃ ᠬᠤᠪᠢᠳᠠᠯ ᠬᠤᠪᠢᠶᠠᠷᠢᠯᠠᠯ ᠲᠤᠭᠳᠠᠭᠰᠠᠨ ᠤ ᠲᠠᠷᠠᠭ᠎ᠠ | ᠤᠰᠤᠨ ᠡᠬᠢ ᠰᠤᠷᠪᠤᠯᠵᠢ ᠶᠢᠨ ᠵᠤᠬᠢᠰᠳᠠᠢ ᠨᠡᠭᠡᠭᠡᠯᠳᠡ᠂ ᠶᠡᠷᠥᠩᠭᠡᠢ ᠬᠡᠮᠵᠢᠶᠡᠨ ᠤ ᠡᠵᠡᠮᠰᠢᠯ᠂ ᠨᠤᠷᠮᠠᠴᠢᠯᠠᠭᠰᠠᠨ ᠬᠠᠮᠢᠶᠠᠷᠤᠯᠳᠠ᠂ ᠡᠷᠥᠭᠡ ᠳᠤ ᠬᠤᠪᠢᠶᠠᠭᠰᠠᠨ | ᠬᠤᠪᠢᠳᠠᠯ ᠤᠨ ᠲᠥᠷᠢᠮ ᠲᠤᠭᠳᠠᠭᠠᠯ ᠢ ᠴᠢᠩᠭ᠎ᠠ ᠭᠡᠷᠡᠭᠵᠢᠭᠦᠯᠵᠥ᠂ ᠪᠥᠷᠢᠯᠭᠡᠨ ᠠᠰᠠᠭᠠᠨᠴᠢᠯᠠᠬᠤ ᠶᠢ ᠡᠷᠡᠰ ᠬᠤᠷᠢᠭᠯᠠᠨ᠂ ᠮᠠᠯᠵᠢᠬᠤ ᠲᠠᠷᠢᠶᠠᠯᠠᠬᠤ ᠤᠷᠤᠨ ᠤ ᠤᠰᠤᠨ | ᠡᠬᠢ ᠰᠤᠷᠪᠤᠯᠵᠢ ᠶᠢᠨ ᠥᠷᠭᠦᠯᠵᠢᠭᠦᠶᠢᠴᠡ ᠠᠰᠢᠭᠯᠠᠯᠳᠠ ᠶᠢ ᠪᠡᠶᠡᠯᠡᠭᠦᠯᠥᠨ᠎ᠡ᠃ | 9. ᠨᠤᠳᠤᠭ ᠪᠡᠯᠴᠢᠭᠡᠷ ᠤᠨ ︽3S︾ ᠮᠡᠷᠭᠡᠵᠢᠯ᠄ RS ︵ᠲᠠᠭᠠᠭᠤᠯᠢ ᠣᠳᠣᠨ ᠤ ᠠᠯᠣᠰ ᠰᠠᠷᠠᠯ ᠤᠨ ᠲᠠᠪᠴᠠᠩ︶᠂ GIS ︵ᠭᠠᠵᠠᠷ ᠤᠨ ᠭᠠᠳᠠᠷᠭᠤ ᠶᠢᠨ | ᠴᠢᠮᠡᠭᠡ ᠵᠠᠩᠬᠢ ᠶᠢᠨ ᠰᠢᠰᠲ᠋ᠧᠮ︶ ᠪᠠ GPS ︵ᠪᠦᠬᠦ ᠪᠦᠮᠪᠦᠷᠴᠡᠭ ᠤᠨ ᠪᠠᠶᠢᠷᠢ ᠲᠣᠭᠳᠠᠭᠠᠯᠳᠠ ᠶᠢᠨ ᠰᠢᠰᠲ᠋ᠧᠮ︶ ᠤᠨ ᠣᠶᠣᠨᠴᠢ ᠰᠢᠰᠲ᠋ᠧᠮ ᠢ ᠶᠡᠷᠦᠩᠬᠡᠶᠢᠯᠡᠨ | ᠠᠰᠢᠭᠯᠠᠵᠣ᠂ ᠨᠣᠳᠤᠭ ᠪᠡᠯᠴᠢᠭᠡᠷ ᠤᠨ ᠠᠮᠢ ᠠᠬᠤᠢ ᠪᠠ ᠣᠷᠭᠤᠮᠠᠯ ᠤᠨ ᠪᠦᠷᠬᠦᠪᠴᠢ ᠳᠤ ᠴᠠᠭ ᠲᠣᠳᠣᠮ ᠤᠨ ᠬᠢᠨᠠᠯᠳᠠ ᠡᠵᠡᠮᠰᠢᠯ ᠬᠢᠬᠦ ᠨᠣᠳᠤᠭ ᠪᠡᠯᠴᠢᠭᠡᠷ ᠤᠨ | ᠣᠶᠣᠨᠴᠢᠯᠠᠭᠰᠠᠨ ᠬᠠᠮᠢᠶᠠᠷᠣᠯᠳᠠ ᠶᠢᠨ ᠠᠷᠭ᠎ᠠ ᠮᠡᠷᠭᠡᠵᠢᠯ᠃ | 10. ᠲᠡᠭᠦᠯᠢᠯᠳᠡ ᠲᠥᠯᠥᠪᠯᠡᠭᠡ᠄ ᠲᠤᠮᠳᠠᠳᠤ ᠤᠯᠤᠰ ᠤᠨ ᠠᠵᠤ ᠥᠢᠯᠡᠳᠪᠥᠷᠢ ᠪᠤᠯᠤᠨ ᠴᠢᠮᠡᠭᠡ ᠵᠠᠩᠬᠢᠴᠢᠯᠠᠯᠳᠠ ᠶᠢᠨ ᠶᠠᠮᠤᠨ ᠤ ᠵᠢᠯᠤᠭᠤᠳᠤᠯᠭ᠎ᠠ ᠪᠠᠷ ᠲᠤᠮᠳᠠᠳᠤ | ᠤᠯᠤᠰ ᠤᠨ ᠰᠥᠯᠵᠢᠶᠡᠨ ᠬᠤᠳᠠᠯᠳᠤᠭᠠᠨ ᠤ ᠬᠤᠯᠪᠤᠭᠠᠯᠠᠯ ᠤᠨ ᠠᠵᠤ ᠥᠢᠯᠡᠰ ᠤᠨ ᠥᠢᠯᠡᠴᠢᠯᠡᠭᠡᠨ ᠤ ᠰᠢᠨᠡᠴᠢᠯᠡᠯᠳᠡ ᠶᠢᠨ ᠬᠤᠯᠪᠤᠭᠠᠨ ᠤ ᠬᠢᠨ ᠲᠤᠮᠳᠠᠳᠤ ᠤᠯᠤᠰ | ᠤᠨ ᠸᠠᠩ ᠺᠥ᠋ ᠪᠥᠯᠥᠭᠯᠡᠯ ᠲᠠᠢ ᠬᠠᠮᠳᠤᠷᠠᠯᠴᠠᠨ ᠪᠥᠭᠦ ᠤᠯᠤᠰ ᠤᠨ ᠬᠡᠪᠴᠢᠶᠡᠨᠠ ᠪᠤᠳᠠᠳᠤ ᠴᠤᠭᠴᠠ ᠶᠢᠨ ︽ᠲᠤᠰᠬᠠᠢ ᠮᠡᠷᠭᠡᠵᠢᠯ ᠲᠠᠢ᠂ ᠨᠠᠷᠢᠯᠢᠭ ᠬᠠᠮᠢᠶᠠᠷᠤᠯᠳᠠ | ᠲᠠᠢ᠂ ᠥᠪᠡᠷᠮᠢᠴᠡ ᠤᠨᠴᠠᠯᠢᠭ ᠲᠠᠢ᠂ ᠰᠢᠨᠡᠴᠢᠯᠡᠯ ᠲᠠᠪᠰᠢᠯᠳᠠ ᠲᠠᠢ︾ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠰᠥᠯᠵᠢᠶᠡᠨ ᠬᠤᠳᠠᠯᠳᠤᠭᠠᠨ ᠤ ᠶᠠᠪᠤᠳᠠᠯ | ᠤᠨ ᠬᠡᠷᠡᠭᠯᠡᠯᠳᠡ ᠠᠰᠢᠭᠯᠠᠯᠳᠠ ᠶᠢ ᠥᠷᠨᠢᠭᠦᠯᠭᠦ ᠲᠤᠰᠬᠠᠢ ᠠᠵᠢᠯᠯᠠᠭᠠᠨ ᠤ ᠲᠥᠯᠥᠪᠯᠡᠭᠡ ᠶᠢ ᠵᠢᠭᠠᠵᠤ ᠪᠤᠢ᠃ | 11. ︽1 + 6︾ ᠬᠤᠪᠢᠰᠬᠠᠯᠳᠤ ᠪᠤᠯᠪᠠᠰᠤᠷᠠᠯ ᠭᠥᠮᠥᠵᠢᠯ ᠤᠨ ᠰᠠᠭᠤᠷᠢᠨ᠄ ︽1︾ ᠪᠤᠯ ᠶᠠᠨ ᠠᠨ ᠤ ᠥᠨᠳᠥᠰᠥᠳᠡᠨ ᠤ ᠲᠡᠭᠡᠳᠤ ᠰᠤᠷᠭᠠᠭᠤᠯᠢ ᠶᠢᠨ | ᠪᠤᠷᠤᠪᠠᠯᠭᠠᠰᠤᠨ ᠳᠤ ᠬᠢ ᠲᠤᠷᠰᠬᠠᠯ ᠤᠨ ᠤᠷᠳᠤᠨ ᠪᠤᠯᠤᠨ ᠪᠤᠷᠤᠪᠠᠯᠭᠠᠰᠤ ᠶᠢᠨ ᠥᠨᠳᠥᠰᠥᠳᠡᠨ ᠤ ᠺᠠᠳ᠋ᠷᠴᠤᠳ ᠤᠨ ᠲᠡᠭᠡᠳᠤ ᠰᠤᠷᠭᠠᠭᠤᠯᠢ ᠳᠤ ᠺᠠᠳ᠋ᠷᠴᠤᠳ ᠤᠨ | ᠬᠥᠮᠥᠵᠢᠯ ᠪᠤᠯᠪᠠᠰᠤᠷᠠᠯ ᠡᠷᠬᠢᠯᠡᠳᠡᠭ ᠢ ᠵᠢᠭᠠᠵᠤ ᠪᠤᠢ︔ ︽6︾ ᠪᠤᠯ ᠲᠠᠬᠢᠯᠳᠤ ᠶᠢᠨ ᠬᠤᠪᠢᠰᠬᠠᠯᠳᠤ ᠲᠡᠥᠭᠡ ᠶᠢᠨ ᠲᠤᠷᠠᠰᠬᠠᠯ ᠤᠨ ᠤᠷᠳᠤᠨ᠂ ᠸᠠᠩ ᠵᠧᠨ ᠤ | ᠬᠤᠳᠳᠤᠭ ᠤᠨ ᠲᠤᠷᠠᠰᠬᠠᠯ ᠤᠨ ᠭᠥᠷᠢᠶᠡᠯᠠᠩ᠂ ᠡᠷᠸᠢᠨ ᠡᠸ᠋ᠨ᠋ᠰᠲ ︵Erwin Engst︶ ᠪᠤᠯᠤᠨ ᠵᠤᠨ ᠾᠢᠨᠲ᠋ᠥ᠋ᠨ ︵Joan Hinton︶ ᠤ ᠭᠤᠷᠪᠠᠨ | ᠬᠢᠵᠠᠭᠠᠷ ᠤᠨ ᠮᠠᠯᠵᠢᠯ ᠤᠨ ᠲᠠᠯᠠᠪᠠᠢ ᠶᠢᠨ ᠲᠡᠯᠭᠡᠨ ᠥᠵᠡᠭᠦᠯᠭᠡ ᠶᠢᠨ ᠤᠷᠳᠤᠨ᠂ ᠪᠤᠷᠤᠪᠠᠯᠭᠠᠰᠤᠨ ᠳᠤ ᠬᠢ ᠢᠨᠲ᠋ᠧᠷᠨᠠᠼᠢᠥᠨᠠᠯ ᠤᠨ ᠨᠢᠭᠤᠴᠠ ᠴᠢᠮᠡᠭᠡ ᠬᠤᠯᠪᠤᠭᠠᠨ ᠤ | ᠥᠷᠳᠡᠭᠡ ᠶᠢᠨ ᠲᠡᠯᠭᠡᠨ ᠥᠵᠡᠭᠦᠯᠭᠡ ᠶᠢᠨ ᠤᠷᠳᠤᠨ᠂ ᠥᠷᠡᠭᠳᠡᠭᠰᠡᠨ ᠪᠠᠭᠠᠳᠤᠷ ᠪᠤᠷᠤᠪᠠᠭᠠᠳᠤᠷ ᠥᠯᠵᠡᠶᠢᠬᠤᠳᠤᠭ ᠤᠨ ᠲᠤᠷᠠᠰᠬᠠᠯ ᠤᠨ ᠬᠥᠷᠢᠶᠡᠯᠡᠩ᠂ ᠬᠥᠷᠬᠢᠷᠡ | ᠲᠤᠬᠤᠢ ᠶᠢᠨ ᠪᠠᠶᠢᠯᠳᠤᠭᠠᠨ ᠤ ᠲᠠᠯᠠᠪᠤᠷ ᠤᠨ ᠲᠤᠷᠠᠰᠬᠠᠯ ᠤᠨ ᠭᠥᠷᠢᠶᠡᠯᠠᠩ ᠵᠡᠷᠭᠡ 6 ᠬᠤᠪᠢᠰᠬᠠᠯᠳᠤ ᠪᠤᠯᠪᠠᠰᠤᠷᠠᠯ ᠭᠥᠮᠥᠵᠢᠯ ᠤᠨ ᠰᠠᠭᠤᠷᠢᠨ ᠢ ᠵᠢᠭᠠᠵᠤ ᠪᠤᠢ᠃ | 12. ᠡᠮᠨᠡᠬᠦ ᠰᠤᠪᠢᠯᠠᠬᠤ ᠶᠢ ᠤᠶᠠᠯᠳᠤᠭᠤᠯᠬᠤ᠄ ᠡᠮᠴᠢᠯᠡᠭᠡ᠂ ᠰᠤᠪᠢᠯᠠᠯ᠂ ᠨᠠᠰᠤᠵᠢᠯ ᠢ ᠢᠵᠢ ᠴᠤᠭᠴᠠᠵᠢᠭᠤᠯᠤᠨ᠂ ᠡᠮᠴᠢᠯᠡᠭᠡ ᠪᠠ ᠨᠠᠰᠤᠵᠢᠯ ᠤᠨ ᠡᠬᠢ ᠰᠤᠷᠪᠤᠯᠵᠢ | ᠶᠢ ᠪᠤᠯᠬᠤ ᠭᠡᠮᠵᠢᠶ᠎ᠡ ᠪᠠᠷ ᠨᠡᠶᠢᠳᠭᠡᠨ ᠨᠢᠭᠡᠳᠭᠡᠵᠥ ᠠᠰᠢᠭᠯᠠᠬᠤ ᠰᠢᠨ᠎ᠡ ᠠᠷᠭ᠎ᠠ ᠬᠡᠯᠪᠡᠷᠢ᠃ 2017 ᠤᠨ ᠤ 1 ᠰᠠᠷ᠎ᠠ ᠶᠢᠨ 22 ᠤᠨ ᠡᠳᠥᠷ᠂ ᠤᠷᠳᠤᠰ ᠬᠤᠳᠠ | ᠶᠢᠨ ︽ᠡᠮᠨᠡᠭᠦ ᠰᠤᠪᠢᠯᠠᠬᠤ ᠶᠢ ᠤᠶᠠᠯᠳᠤᠭᠤᠯᠤᠭᠰᠠᠨ︾ ᠲᠤᠷᠰᠢᠯᠳᠠ ᠶᠢᠨ ᠴᠡᠭ ᠤᠨ ᠥᠢᠯᠡ ᠮᠠᠨ ᠤ ᠬᠤᠰᠢᠭᠤᠨ ᠤ ︽ᠠᠵᠠᠳᠠᠢ ᠡᠷᠡᠭᠦᠯᠵᠢᠯ ᠵᠢᠭᠤᠯᠴᠢᠯᠠᠯ | ᠰᠤᠪᠢᠯᠠᠯ ᠤᠨ ᠭᠥᠷᠢᠶᠡᠯᠠᠩ︾ ᠳᠤ ᠵᠢᠩᠬᠢᠨᠢ ᠪᠠᠷ ᠡᠷᠥᠭᠡ ᠰᠡᠭᠦᠵᠥ᠂ 2017 ᠤᠨ ᠤ 11 ᠰᠠᠷ᠎ᠠ ᠳᠤ ᠲᠡᠷᠡ ᠪᠠᠷ ᠥᠪᠡᠷᠳᠡᠭᠡᠨ ᠵᠠᠰᠠᠬᠤ ᠤᠷᠤᠨ ᠤ ᠡᠮᠨᠡᠭᠦ | ᠰᠤᠪᠢᠯᠠᠬᠤ ᠶᠢ ᠤᠶᠠᠯᠳᠤᠭᠤᠯᠤᠭᠰᠠᠨ ᠲᠠᠭᠤᠷᠢᠶᠠᠯ ᠰᠠᠭᠤᠷᠢᠨ ᠢᠶᠠᠷ ᠥᠨᠡᠯᠡᠭᠳᠡᠭᠰᠡᠨ ᠪᠠᠶᠢᠨ᠎ᠠ᠃ | 13.︽ᠴᠠᠬᠢᠷᠮ᠎ᠠ ᠴᠢᠳᠠᠪᠤᠷᠢᠳᠠᠨ︾ ᠤ ᠢᠨᠵᠧᠨᠧᠷᠢᠩ᠄ ᠮᠠᠨ ᠤ ᠬᠤᠰᠢᠭᠤ ᠴᠢᠳᠠᠪᠤᠷᠢᠳᠠᠨ ᠭᠥᠮᠥᠵᠢᠭᠦᠯᠭᠦ ᠪᠠ ᠤᠷᠢᠨ ᠠᠪᠴᠢᠷᠠᠬᠤ ᠶᠢᠨ ᠲᠥᠯᠥᠭᠡ ᠲᠤᠷᠠᠳᠤᠨ | ᠭᠠᠷᠠᠭᠠᠭᠰᠠᠨ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ᠃ ᠴᠢᠳᠠᠪᠤᠷᠢᠳᠠᠨ ᠭᠥᠮᠥᠵᠢᠭᠦᠯᠭᠦ ᠪᠠ ᠴᠢᠳᠠᠪᠤᠷᠢᠳᠠᠨ ᠤᠷᠢᠬᠤ ᠡᠯ᠎ᠡ ᠲᠥᠷᠥᠯ ᠤᠨ ᠠᠷᠭ᠎ᠠ ᠠᠪᠴᠠᠯ ᠢᠶᠠᠷ | ᠲᠠᠮᠵᠢᠭᠤᠯᠤᠨ᠂ ᠨᠠᠮ ᠵᠠᠰᠠᠭ ᠤᠨ ᠠᠵᠢᠯ᠂ ᠠᠵᠤ ᠠᠬᠤᠶᠢᠯᠠᠯ ᠤᠨ ᠡᠵᠡᠩᠨᠡᠯᠳᠡ ᠬᠠᠮᠢᠶᠠᠷᠤᠯᠳᠠ ᠶᠢᠨ ᠠᠵᠢᠯ᠂ ᠲᠤᠰᠬᠠᠢ ᠮᠡᠷᠭᠡᠵᠢᠯ ᠤᠨ ᠠᠵᠢᠯ ᠲᠥᠷᠥᠯ᠂ ᠤᠨᠴᠠ | ᠲᠥᠷᠥᠯ ᠤᠨ ᠴᠢᠳᠠᠪᠤᠷᠢᠳᠠᠨ ᠤ ᠠᠵᠢᠯ᠂ ᠮᠠᠯᠵᠢᠬᠤ ᠲᠠᠷᠢᠶᠠᠯᠠᠬᠤ ᠤᠷᠤᠨ ᠳᠤ ᠬᠢ ᠴᠢᠭᠯᠡᠯᠳᠡ ᠴᠢᠨᠠᠷ ᠲᠠᠢ ᠠᠵᠢᠯ ᠪᠤᠯᠤᠨ ᠨᠡᠶᠢᠭᠡᠮ ᠤᠨ ᠠᠵᠢᠯ ᠵᠡᠷᠭᠡ ᠲᠠᠯ᠎ᠠ ᠪᠠᠷ | ᠴᠢᠳᠠᠪᠤᠷᠢᠳᠠᠳ ᠢ ᠬᠤᠷᠠᠭᠤᠯᠬᠤ ᠬᠥᠮᠥᠵᠢᠭᠦᠯᠭᠦ ᠠᠵᠢᠯ᠃ | 14. ᠭᠥᠳᠡᠭᠡ ᠨᠤᠳᠤᠭ ᠢ ᠭᠥᠴᠥᠷᠭᠡᠭᠵᠢᠭᠦᠯᠥᠨ ᠭᠥᠭᠵᠢᠭᠦᠯᠭᠦ ᠪᠤᠳᠤᠯᠭ᠎ᠠ᠄ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠥᠳᠥᠭᠡᠷ ᠤᠳᠠᠭᠠᠨ ᠤ ᠪᠥᠭᠦ | ᠤᠯᠤᠰ ᠤᠨ ᠲᠥᠯᠥᠭᠡᠯᠡᠭᠴᠢᠳ ᠤᠨ ᠶᠡᠭᠡ ᠲᠡᠭᠡᠷ᠎ᠡ ᠠᠩᠬ᠎ᠠ ᠲᠤᠷᠠᠳᠤᠨ ᠭᠠᠷᠭᠠᠪᠠ᠃ ᠲᠠᠷᠤᠢ᠂ ᠮᠠᠯ ᠲᠠᠷᠢᠶᠠᠯᠠᠩ ᠤᠨ ᠥᠢᠯᠡᠰ ᠪᠤᠯᠤᠨ ᠮᠠᠯᠵᠢᠬᠤ ᠲᠠᠷᠢᠶᠠᠯᠠᠬᠤ | ᠤᠷᠤᠨ ᠢ ᠲᠡᠷᠢᠭᠦᠨ ᠳᠤ ᠨᠢ ᠭᠥᠭᠵᠢᠭᠦᠯᠵᠥ᠂ ᠮᠠᠯ ᠲᠠᠷᠢᠶᠠᠯᠠᠩ ᠤᠨ ᠥᠢᠯᠡᠰ ᠪᠤᠯᠤᠨ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠲᠥᠷᠭᠡᠳᠭᠡᠨ᠂ | ᠭᠥᠳᠡᠭᠡ ᠨᠤᠳᠤᠭ ᠤᠨ ᠨᠡᠶᠢᠳᠡ ᠶᠢᠨ ᠥᠢᠯᠡᠴᠢᠯᠡᠭᠡᠨ ᠤ ᠬᠢᠷᠢ ᠲᠥᠪᠰᠢᠨ ᠢ ᠰᠠᠶᠢᠵᠢᠷᠠᠭᠤᠯᠵᠤ᠂ ᠭᠥᠳᠡᠭᠡ ᠨᠤᠳᠤᠭ ᠤᠨ ᠥᠨᠳᠥᠰᠥᠨ ᠱᠠᠳᠤᠨ ᠳᠤ ᠬᠢ ᠰᠠᠭᠤᠷᠢ | ᠠᠵᠢᠯ ᠢ ᠴᠢᠩᠭᠠᠳᠬᠠᠨ᠂ ᠬᠤᠳᠠ ᠭᠥᠳᠡᠭᠡ ᠶᠢᠨ ᠵᠤᠬᠢᠴᠠᠯᠳᠤ ᠭᠥᠭᠵᠢᠯᠳᠡ ᠶᠢ ᠠᠬᠢᠭᠤᠯᠵᠤ᠂ ᠠᠵᠤ ᠥᠢᠯᠡᠰ ᠥᠷᠨᠢᠩᠭᠦᠢ᠂ ᠠᠮᠢ ᠠᠬᠤᠢ ᠵᠤᠬᠢᠴᠠᠩᠭᠤᠢ᠂ | ᠨᠤᠳᠤᠭ ᠤᠨ ᠰᠤᠷᠳᠠᠯ ᠪᠤᠯᠪᠠᠰᠤᠨ᠂ ᠵᠠᠰᠠᠯᠳᠠ ᠬᠠᠮᠢᠶᠠᠷᠤᠯᠳᠠ ᠪᠥᠳᠥᠮᠵᠢᠳᠡᠢ᠂ ᠠᠵᠤ ᠠᠮᠢᠳᠤᠷᠠᠯ ᠴᠢᠨᠡᠭᠡᠯᠢᠭ ᠪᠤᠯᠭᠠᠬᠤ ᠪᠤᠳᠤᠯᠭ᠎ᠠ ᠃ | 15. ᠬᠠᠩᠭᠠᠯᠠᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ᠄ ᠶᠡᠷᠥᠩᠭᠡᠢ ᠱᠥᠵᠢ ᠰᠢ ᠶᠢᠨ ᠫᠢᠩ ᠤᠨ 2015 ᠤᠨ ᠤ 11 ᠰᠠᠷ᠎ᠠ ᠶᠢᠨ | 10 ᠤ ᠡᠳᠥᠷ ᠬᠤᠷᠠᠯᠳᠤᠭᠤᠯᠤᠭᠰᠠᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯᠳᠤᠭᠠᠨ ᠢᠶᠠᠷ | ᠲᠤᠷᠠᠳᠤᠨ ᠭᠠᠷᠠᠭᠠᠭᠰᠠᠨ᠂ ᠬᠠᠩᠭᠠᠯᠠᠭ᠎ᠠ ᠬᠢᠬᠡᠳ ᠣᠶᠢᠯᠠᠳᠪᠦᠷᠢᠯᠠᠯ ᠤᠨ ᠭᠤᠭᠴᠤᠭ᠎ᠠ ᠠᠴᠠ ᠭᠠᠷᠳᠠᠵᠣ᠂ ᠬᠤᠴᠣᠷᠣᠩᠭᠤᠢ ᠣᠶᠢᠯᠠᠳᠪᠦᠷᠯᠠᠯ ᠤᠨ ᠴᠢᠳᠠᠮᠵᠢ ᠶᠢ | ᠲᠠᠶᠠᠭᠳᠠᠨ᠂ ᠬᠦᠭᠵᠢᠯᠳᠠ ᠶᠢᠨ ᠴᠢᠭᠯᠡᠯ ᠢᠶᠠᠨ ᠰᠢᠨ᠎ᠠ ᠮᠠᠨᠳᠣᠭᠰᠠᠨ ᠬᠦᠷᠢᠶ᠎ᠠ ᠴᠠᠷᠠᠭ᠎ᠠ ᠣᠷᠣᠭᠤ ᠬᠠᠨᠳᠦᠭᠤᠯᠵᠣ᠂ ᠠᠵᠣ ᠠᠬᠤᠢ ᠶᠢᠨ ᠰᠢᠨ᠎ᠡ ᠨᠡᠮᠡᠭᠳᠡᠯ ᠢ ᠪᠣᠢ | ᠪᠣᠯᠭᠠᠨ᠂ ᠨᠡᠶᠢᠭᠡᠮ ᠤᠨ ᠬᠠᠩᠭᠠᠯᠠᠭ᠎ᠠ ᠶᠢ ᠲᠡᠭᠡᠭᠰᠢᠯᠡᠬᠦᠯᠬᠦ ᠪᠠᠷ ᠲᠠᠮᠵᠢᠭᠤᠯᠣᠨ ᠠᠵᠣ ᠠᠬᠤᠢ ᠪᠠᠨ ᠦᠭᠡᠳᠡᠯᠡᠬᠦᠯᠬᠦ ᠦᠭᠡᠷᠡᠴᠢᠯᠠᠯᠳᠠ ᠶᠢ ᠵᠢᠭᠠᠵᠣ ᠪᠣᠢ᠃ | 16. ᠴᠠᠬᠢᠯᠭᠠᠨ ᠭᠠᠳᠠᠭᠰᠢ ᠲᠠᠮᠵᠢᠭᠤᠯᠬᠤ ᠱᠤᠭᠤᠮ᠄ ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ ᠬᠡᠷᠡᠭᠯᠡᠭᠴᠢ ᠪᠤᠶᠤ ᠴᠠᠬᠢᠯᠭᠠᠨ ᠭᠡᠷᠡᠭᠰᠡᠭᠦ ᠭᠠᠵᠠᠷ ᠤᠷᠤᠭᠤ | ᠴᠠᠬᠢᠯᠭᠠᠨ ᠭᠥᠷᠭᠡᠭᠦ ᠪᠠᠷ ᠵᠤᠷᠢᠭᠤᠯᠵᠤ ᠪᠤᠰᠬᠠᠭᠰᠠᠨ ᠴᠠᠬᠢᠯᠭᠠᠨ ᠲᠤᠤᠷ ᠤᠨ ᠱᠤᠭᠤᠮ ᠢ ᠵᠢᠭᠠᠵᠤ ᠪᠤᠢ᠃ ᠠᠳᠡ ᠤᠨᠴᠠᠭᠠᠶᠢᠯᠠᠨ ᠤᠯᠤᠰ ᠪᠠ ᠥᠪᠡᠷᠳᠡᠭᠡᠨ ᠵᠠᠰᠠᠬᠤ | ᠤᠷᠤᠨ ᠠᠴᠠ ᠴᠢᠬᠤᠯᠠᠴᠢᠯᠠᠨ ᠭᠤᠤᠯᠳᠠᠯᠭᠠᠳᠠᠢ ᠪᠠᠶᠢᠭᠤᠯᠤᠭᠰᠠᠨ ︽ᠥᠪᠥᠷ ᠮᠤᠩᠭᠤᠯ ᠤᠨ ᠴᠠᠬᠢᠯᠭᠠᠨ ᠢ ᠭᠠᠳᠠᠭᠰᠢ ᠬᠥᠷᠭᠡᠭᠦ︾ ᠱᠤᠭᠤᠮ ᠤᠨ ᠨᠢᠭᠡ ᠪᠤᠯᠬᠤ | ᠱᠠᠩᠬᠠᠢ ᠶᠢᠨ ᠰᠥᠮ᠎ᠡ ᠠᠴᠠ ᠱᠠᠨᠳᠥ᠋ᠩ ᠭᠥᠷᠭᠦ ±800 ᠺᠢᠯᠤᠸᠥᠯᠲ ᠤᠨ ᠤᠨᠴᠠ ᠥᠨᠳᠥᠷ ᠭᠥᠴᠥᠳᠠᠯᠳᠦ ᠴᠠᠬᠢᠯᠭᠠᠨ ᠭᠥᠷᠭᠡᠯᠳᠡ ᠶᠢᠨ ᠵᠠᠮ ᠱᠤᠭᠤᠮ ᠢ | ᠭᠡᠯᠡᠵᠥ ᠪᠠᠶᠢᠨ᠎ᠠ᠃ | 17. ︽ᠬᠤᠳᠳᠤᠭ ᠢ ᠪᠢᠳᠠᠭᠦᠮᠵᠢᠯᠠᠨ ᠲᠠᠷᠢᠶᠠᠨ ᠭᠠᠵᠠᠷ ᠢ ᠪᠠᠭᠠᠰᠬᠠᠬᠤ︾᠄ ᠮᠠᠨ ᠤ ᠬᠤᠰᠢᠭᠤᠨ ᠤ ᠤᠰᠤᠨ ᠡᠬᠢ ᠰᠤᠷᠪᠤᠯᠵᠢ ᠶᠢᠨ ᠴᠢᠩᠭ᠎ᠠ ᠬᠠᠮᠢᠶᠠᠷᠤᠯᠳᠠ ᠶᠢᠨ | ᠲᠥᠷᠢᠮ ᠤᠨ ᠲᠤᠭᠤᠷᠢᠨ ᠳᠤ᠂ ᠬᠡᠳᠥᠷᠡᠳᠡᠯᠡ ᠤᠰᠤ ᠬᠡᠷᠡᠭᠯᠡᠵᠥ ᠪᠠᠶᠢᠬᠤ ᠭᠠᠵᠠᠷ ᠤᠷᠤᠨ ᠳᠤ ᠭᠡᠷᠡᠭᠵᠢᠭᠦᠯᠭᠦ ᠤᠰᠤᠨ ᠤ ᠬᠠᠮᠢᠶᠠᠷᠤᠯᠳᠠ ᠶᠢᠨ ᠠᠵᠢᠯ ᠤᠨ ᠠᠷᠭ᠎ᠠ | ᠠᠪᠴᠠᠯ᠃ ᠲᠥᠷᠢᠮ ᠵᠥᠷᠢᠴᠡᠨ ᠥᠷᠥᠮᠳᠡᠭᠰᠡᠨ ᠮᠠᠰᠢᠨ ᠬᠤᠳᠳᠤᠭ ᠢ ᠪᠢᠳᠡᠭᠦᠮᠵᠢᠯᠡᠭᠦᠣ᠋ ᠪᠠ ᠤᠰᠤᠯᠠᠯᠳᠠ ᠶᠢᠨ ᠲᠠᠷᠢᠶᠠᠨ ᠭᠠᠵᠠᠷ ᠢ ᠪᠠᠭᠠᠰᠬᠠᠬᠤ ᠪᠠᠷ | ᠲᠠᠮᠵᠢᠭᠤᠯᠤᠨ᠂ ᠤᠰᠤᠨ ᠡᠬᠢ ᠰᠤᠷᠪᠤᠯᠵᠢ ᠶᠢ ᠲᠤᠬᠢᠳᠠᠢ ᠨᠡᠭᠡᠭᠡᠨ ᠠᠰᠢᠭᠯᠠᠵᠤ᠂ ᠠᠳᠠᠷ ᠬᠠᠭᠠᠯᠪᠤᠷᠢᠯᠠᠵᠤ ᠲᠠᠷᠢᠶ᠎ᠠ ᠤᠰᠤᠯᠠᠬᠤ ᠶᠢ ᠲᠠᠰᠤ ᠬᠤᠷᠢᠭᠯᠠᠨ᠂ ᠤᠰᠤᠨ | ᠬᠡᠷᠡᠭᠯᠡᠯᠳᠡ ᠶᠢ ᠨᠠᠮᠳᠠᠭᠤᠯᠵᠤ᠂ ᠪᠠᠶᠢᠭᠠᠯᠢ ᠠᠬᠤᠢ ᠶᠢ ᠬᠠᠮᠠᠭᠠᠯᠠᠨ᠂ ᠮᠠᠯᠵᠢᠬᠤ ᠲᠠᠷᠢᠶᠠᠯᠠᠬᠤ ᠤᠷᠤᠨ ᠤ ᠤᠰᠤᠨ ᠡᠬᠢ ᠰᠤᠷᠪᠤᠯᠵᠢ ᠶᠢᠨ ᠥᠷᠭᠦᠯᠵᠢᠭᠦᠶᠢᠴᠡ | ᠠᠰᠢᠭᠯᠠᠯᠳᠠ ᠶᠢ ᠪᠠᠳᠤᠯᠠᠬᠤ ᠪᠤᠳᠤᠯᠭ᠎ᠠ᠃ | 18. ᠨᠢᠭᠡ ᠪᠥᠰᠡ ᠨᠢᠭᠡ ᠵᠠᠮ᠄ ︽ᠲᠤᠷᠭᠠᠨ ᠵᠠᠮ ᠤᠨ ᠠᠵᠤ ᠠᠬᠤᠢ ᠶᠢᠨ ᠪᠥᠰᠡ︾ ᠪᠤᠯᠤᠨ ︽21 ᠳ᠋ᠤᠭᠡᠷ ᠵᠠᠭᠤᠨ ᠤ ᠲᠠᠯᠠᠢ ᠲᠡᠭᠡᠷᠡᠭᠢ ᠲᠤᠷᠭᠠᠨ ᠵᠠᠮ︾ ᠤᠨ | ᠲᠤᠪᠴᠢ ᠨᠡᠷᠡᠶᠢᠳᠥᠯ᠃ ᠡᠷᠳᠡᠨ ᠤ ᠲᠤᠷᠭᠠᠨ ᠵᠠᠮ ᠤᠨ ᠲᠡᠥᠭᠡᠳᠤ ᠰᠤᠶᠤᠯ ᠢ ᠠᠰᠢᠭᠯᠠᠨ ᠨᠠᠶᠢᠷᠠᠮᠳᠠᠯ ᠢᠶᠠᠷ ᠭᠥᠭᠵᠢᠭᠦᠯᠭᠦ ᠤᠷᠢᠶ᠎ᠠ ᠲᠤᠷᠠᠳᠴᠤ᠂ ᠲᠤᠷᠭᠠᠨ ᠵᠠᠮ ᠤᠨ | ᠲᠠᠭᠠᠤ ᠤᠯᠤᠰ ᠤᠷᠤᠨ ᠯᠤᠭ᠎ᠠ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠬᠠᠷᠢᠴᠠᠭ᠎ᠠ ᠶᠢ ᠢᠳᠡᠪᠬᠢᠳᠡᠢ ᠭᠥᠭᠵᠢᠭᠦᠯᠥᠨ᠂ ᠤᠯᠤᠰ ᠲᠥᠷᠥ ᠶᠢᠨ ᠲᠠᠯ᠎ᠠ ᠪᠠᠷ | ᠬᠠᠷᠢᠯᠴᠠᠨ ᠢᠳᠡᠭᠡᠯᠴᠡᠭᠰᠡᠨ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠠᠭᠤᠰᠤᠯᠴᠠᠭᠰᠠᠨ᠂ ᠰᠤᠶᠤᠯ ᠤᠨ ᠲᠠᠯ᠎ᠠ ᠪᠠᠷ ᠬᠠᠷᠢᠯᠴᠠᠨ ᠪᠠᠭᠳᠠᠭᠠᠭᠰᠠᠨ ᠬᠠᠮᠳᠤ ᠶᠢᠨ | ᠠᠰᠢᠭ ᠲᠤᠰᠠ᠂ ᠬᠤᠪᠢ ᠲᠤᠬᠢᠶᠠᠯ ᠪᠤᠯᠤᠨ ᠡᠭᠦᠷᠭᠡ ᠬᠠᠷᠢᠭᠤᠴᠠᠯᠭ᠎ᠠ ᠤᠨ ᠨᠢᠭᠡᠳᠥᠮᠡᠯ ᠴᠤᠭᠴᠠ ᠪᠥᠷᠢᠯᠳᠥᠭᠦᠯᠭᠦ ᠶᠢ ᠵᠢᠭᠠᠵᠤ ᠪᠤᠢ᠃ | 19. ᠬᠥᠬᠡᠬᠤᠳᠠ ᠪᠤᠭᠤᠳᠤ ᠤᠷᠳᠤᠰ ᠤᠷᠤᠨ ᠤ ᠬᠠᠮᠳᠤᠷᠠᠨ ᠭᠥᠭᠵᠢᠭᠦ ᠪᠠᠶᠢᠯᠳᠤᠬᠤ ᠪᠤᠳᠤᠯᠭ᠎ᠠ᠄ ᠬᠥᠬᠡᠬᠤᠳᠠ᠂ ᠪᠤᠭᠤᠳᠤ᠂ ᠤᠷᠳᠤᠰ ᠭᠤᠷᠪᠠᠨ ᠬᠤᠳᠠ ᠬᠤᠪᠢ | ᠬᠤᠪᠢᠨ ᠤ ᠲᠠᠪᠠᠭᠤᠯᠢᠭ ᠲᠤ ᠪᠠᠨ ᠰᠠᠭᠤᠷᠢᠯᠠᠵᠤ᠂ ᠤᠳᠤ ᠥᠶ᠎ᠡ ᠶᠢᠨ ᠠᠵᠤ ᠥᠢᠯᠡᠰ ᠤᠨ ᠠᠵᠢᠯ ᠤᠨ ᠬᠤᠪᠢᠶᠠᠷᠢᠯᠠᠯ ᠪᠠ ᠤᠷᠤᠨ ᠬᠡᠪᠴᠢᠶᠡᠨ ᠤ ᠬᠠᠷᠢᠯᠴᠠᠨ | ᠨᠥᠭᠦᠪᠥᠷᠢᠯᠡᠭᠦ ᠵᠠᠷᠴᠢᠮ ᠢ ᠪᠠᠷᠢᠮᠳᠠᠯᠠᠨ᠂ ᠬᠠᠮᠳᠤᠷᠠᠨ ᠭᠥᠭᠵᠢᠭᠦ ᠰᠢᠨ᠎ᠡ ᠵᠠᠮ ᠢ ᠢᠳᠡᠪᠬᠢᠳᠡᠢ ᠰᠥᠪᠡᠭᠴᠢᠯᠡᠵᠥ᠂ ᠭᠤᠷᠪᠠᠨ ᠬᠤᠳᠠ ᠪᠠᠨ ᠠᠮᠢ ᠠᠬᠤᠢ ᠵᠤᠬᠢᠴᠠᠯᠳᠠᠢ᠂ | ᠵᠠᠮ ᠨᠡᠪᠳᠡᠷᠡᠯᠭᠡ ᠴᠢᠯᠥᠭᠡᠳᠡᠢ᠂ ᠠᠵᠤ ᠠᠬᠤᠢ ᠭᠥᠭᠵᠢᠯᠳᠡᠢ᠂ ᠵᠠᠬ᠎ᠠ ᠲᠡᠯᠭᠡᠭᠦᠷ ᠨᠢᠭᠡᠳᠥᠯᠳᠡᠢ᠂ ᠲᠤᠭᠳᠠᠴᠠ ᠪᠤᠳᠤᠯᠭ᠎ᠠ ᠲᠤᠬᠢᠳᠠᠢ ᠠᠵᠤ ᠠᠬᠤᠢ ᠶᠢᠨ ᠭᠥᠭᠵᠢᠯᠳᠥ | ᠪᠥᠰᠡ ᠪᠤᠯᠭᠠᠨ ᠪᠠᠶᠢᠭᠤᠯᠬᠤ ᠶᠢ ᠵᠢᠭᠠᠵᠤ ᠪᠤᠢ ᠃ | 20. ︽ᠵᠠᠰᠠᠭ ᠢ ᠴᠤᠮᠬᠠᠳᠬᠠᠨ ᠡᠷᠭᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠥᠢᠯᠡᠴᠢᠯᠡᠭᠡ ᠶᠢ ᠰᠢᠯᠢᠳᠡᠭᠵᠢᠭᠦᠯᠭᠦ︾ | ᠥᠭᠡᠷᠡᠴᠢᠯᠡᠯᠳᠡ᠄ ︽ᠪᠠᠭᠤᠯᠭᠠᠬᠤ︾ ᠭᠡᠳᠡᠭ ᠪᠤᠯ ᠵᠠᠰᠠᠭ ᠤᠨ ᠡᠷᠭᠡ ᠶᠢ ᠴᠤᠮᠬᠠᠳᠬᠠᠵᠤ᠂ ᠨᠥᠭᠦᠴᠡᠯ ᠱᠠᠭᠠᠷᠳᠠᠯᠭ᠎ᠠ ᠶᠢ ᠪᠠᠭᠤᠯᠭᠠᠨ ᠰᠤᠯᠠᠳᠬᠠᠬᠤ︔ ︽ | ᠬᠠᠮᠢᠶᠠᠷᠬᠤ︾ ᠭᠡᠳᠡᠭ ᠪᠤᠯ ᠲᠥᠪ ᠭᠤᠤᠯᠴᠢ ᠪᠠᠷ ᠬᠢᠨᠠᠨ ᠬᠠᠮᠢᠶᠠᠷᠴᠤ᠂ ᠡᠷᠭᠡ ᠲᠡᠭᠰᠢ ᠥᠷᠢᠰᠥᠯᠳᠥᠭᠡᠨ ᠢ ᠠᠬᠢᠭᠤᠯᠬᠤ︔ ︽ᠥᠢᠯᠡᠴᠢᠯᠡᠭᠦ︾ ᠬᠡᠳᠡᠭ ᠪᠤᠯ | ᠥᠨᠳᠥᠷ ᠪᠥᠳᠥᠮᠵᠢᠳᠠᠢ ᠥᠢᠯᠡᠴᠢᠯᠡᠵᠥ᠂ ᠲᠥᠭᠦᠮ ᠲᠥᠳᠡ ᠨᠥᠭᠦᠴᠡᠯ ᠪᠥᠷᠢᠯᠳᠥᠭᠦᠯᠭᠦ᠃ | 21. ᠭᠤᠷᠪᠠᠨ ᠠᠯᠪᠠᠨ ᠤ ᠵᠠᠷᠣᠳᠠᠯ᠄ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠠᠵᠢᠯᠳᠠᠳ ᠤᠨ ᠠᠯᠪᠠᠨ ᠵᠠᠷᠣᠳᠠᠯ ᠢᠶᠠᠷ ᠭᠠᠳᠠᠭᠠᠳᠦ ᠳᠤ ᠭᠠᠷᠬᠤ᠂ | ᠠᠯᠪᠠᠨ ᠲᠡᠷᠭᠡ ᠬᠤᠳᠠᠯᠳᠣᠨ ᠠᠪᠬᠤ ᠵᠢᠴᠢ ᠬᠡᠷᠡᠭᠯᠡᠭᠦ᠂ ᠠᠯᠪᠠᠨ ᠤ ᠬᠦᠯᠢᠶᠠᠨ ᠵᠣᠴᠢᠯᠠᠭ᠎ᠠ ᠳᠤ ᠭᠡᠷᠡᠭᠯᠡᠭᠦ ᠭᠤᠷᠪᠠᠨ ᠲᠥᠷᠥᠯ ᠤᠨ ᠵᠠᠷᠣᠳᠠᠯ ᠢ ᠵᠢᠭᠠᠵᠤ ᠪᠤᠢ᠃ | | | ᠲᠤᠳᠤᠷᠬᠠᠶᠢᠯᠠᠯ᠄ ᠨᠡᠷᠡᠰ ᠤᠨ ᠲᠠᠶᠢᠯᠪᠣᠷᠢᠯᠠᠯ ᠢ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ ᠢᠯᠡᠷᠡᠭᠰᠡᠨ ᠲᠠᠷᠠᠭᠠᠯᠠᠯ ᠢᠶᠠᠷ ᠨᠢ ᠵᠢᠭᠰᠠᠭᠠᠪᠠ᠃ | | |