ᠣᠳᠤᠭ ᠤᠨ ᠡᠮᠦᠨᠡᠳᠦ ᠬᠤᠰᠢᠭᠤᠨ ᠤ ᠠᠶᠣᠯᠬᠦᠢ ᠣᠶᠢᠯᠡᠳᠪᠦᠷᠢᠯᠡᠯ ᠤᠨ ᠭᠡᠨᠡᠳᠡᠯ ᠢ ᠪᠠᠴᠢᠮ ᠠᠷᠭᠠᠴᠠᠬᠤ | ᠠᠪᠣᠷᠠᠨ ᠲᠣᠰᠠᠯᠠᠯᠳᠠ ᠶᠢᠨ ᠪᠡᠯᠡᠳᠬᠡᠯ ᠲᠦᠰᠦᠪ ︵ᠵᠠᠰᠠᠪᠣᠷᠢ︶ ᠢ ᠲᠠᠷᠣᠮᠠᠯᠯᠠᠨ ᠲᠠᠷᠬᠠᠭᠠᠬᠤ ᠲᠣᠬᠠᠢ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ | ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠦᠴᠢᠷ᠂ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ | ᠳᠤ᠄ | ︽ᠣᠳᠤᠭ ᠤᠨ ᠡᠮᠦᠨᠡᠳᠦ ᠬᠤᠰᠢᠭᠤᠨ ᠤ ᠠᠶᠣᠯᠬᠦᠢ ᠣᠶᠢᠯᠡᠳᠪᠦᠷᠢᠯᠡᠯ ᠤᠨ ᠭᠡᠨᠡᠳᠡᠯ ᠢ ᠪᠠᠴᠢᠮ ᠠᠷᠭᠠᠴᠠᠬᠤ | ᠠᠪᠣᠷᠠᠨ ᠲᠣᠰᠠᠯᠠᠯᠳᠠ ᠶᠢᠨ ᠪᠡᠯᠡᠳᠬᠡᠯ ᠲᠦᠰᠦᠪ ︵ᠵᠠᠰᠠᠪᠣᠷᠢ︶︾ ᠢ ᠬᠤᠰᠢᠭᠤ ᠠᠷᠠᠳ ᠤᠨ ᠵᠠᠰᠠᠭ ᠤᠨ ᠣᠷᠳᠣᠨ | ᠢᠶᠠᠷ ᠵᠦᠪᠰᠢᠶᠡᠷᠡᠭᠦᠯᠦᠭᠡᠳ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠲᠤᠤᠱᠠᠯᠠᠭᠤᠯᠤᠨ | ᠬᠡᠷᠡᠭᠵᠢᠭᠦᠯᠳᠤᠭᠡᠢ᠃ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2017 ᠣᠨ ᠤ 1 ᠰᠠᠷ᠎ᠠ ᠶᠢᠨ 6 ᠤ ᠡᠳᠦᠷ | ᠣᠳᠤᠭ ᠤᠨ ᠡᠮᠦᠨᠡᠳᠦ ᠬᠤᠰᠢᠭᠤᠨ ᠤ ᠠᠶᠣᠯᠭᠦᠢ ᠣᠶᠢᠯᠠᠳᠪᠦᠷᠢᠯᠡᠯ ᠤᠨ ᠭᠡᠨᠡᠳᠡᠯ ᠢ ᠪᠠᠴᠢᠮ ᠠᠷᠭᠠᠴᠠᠬᠤ ᠠᠪᠣᠷᠠᠨ | ᠲᠣᠰᠠᠯᠠᠯᠳᠡ ᠶᠢᠨ ᠪᠡᠯᠡᠳᠬᠡᠯ ᠲᠦᠰᠦᠪ | ᠨᠢᠭᠡ᠂ ᠶᠡᠷᠦᠩᠬᠡᠢ ᠲᠦᠷᠢᠮ | ︵ ᠨᠢᠭᠡ︶ ᠲᠣᠭᠳᠠᠭᠠᠭᠰᠠᠨ ᠬᠠᠷᠠᠯᠳᠠ᠃ ᠪᠦᠬᠦ ᠬᠤᠰᠢᠭᠤᠨ ᠤ ᠠᠶᠣᠯᠭᠦᠢ ᠣᠶᠢᠯᠠᠳᠪᠦᠷᠢᠯᠡᠯ ᠤᠨ ᠭᠡᠨᠡᠳᠡᠯ ᠢ | ᠪᠠᠴᠢᠮ ᠠᠷᠭᠠᠴᠠᠨ ᠠᠪᠣᠷᠠᠨ ᠲᠣᠰᠠᠯᠠᠬᠤ ᠪᠠ ᠪᠠᠴᠢᠮ ᠪᠠᠶᠢᠳᠠᠯ ᠢ ᠠᠷᠭᠠᠴᠠᠬᠤ ᠶᠠᠪᠣᠴᠠ ᠶᠢ ᠲᠦᠷᠢᠮᠵᠢᠭᠦᠯᠵᠣ᠂ | ᠪᠠᠴᠢᠮ ᠪᠠᠶᠢᠳᠠᠯ ᠢ ᠠᠷᠭᠠᠴᠠᠨ ᠠᠪᠣᠷᠠᠨ ᠲᠣᠰᠠᠯᠠᠬᠤ ᠠᠵᠢᠯ ᠢ ᠴᠠᠭ ᠲᠣᠬᠠᠢ ᠳᠤᠨᠢ ᠪᠦᠳᠦᠮᠵᠢᠳᠠᠢ ᠦᠷᠨᠢᠭᠦᠯᠦᠨ᠂ | ᠰᠢᠷᠬᠠᠳᠣᠯ᠂ ᠡᠳ᠋ ᠬᠤᠭᠰᠢᠯ ᠤᠨ ᠬᠤᠬᠢᠷᠠᠯ ᠢ ᠬᠠᠮᠤᠭ ᠪᠠᠭ᠎ᠠ ᠳᠤ ᠬᠢᠵᠠᠭᠠᠷᠯᠠᠵᠣ᠂ ᠠᠷᠠᠳ ᠣᠯᠠᠨ ᠤ ᠠᠮᠢ ᠨᠠᠰᠦ | ᠡᠳ᠋ ᠬᠤᠭᠰᠢᠯ ᠤᠨ ᠠᠮᠣᠷ ᠲᠦᠪᠰᠢᠨ ᠪᠣᠯᠣᠨ ᠨᠡᠶᠢᠭᠡᠮ ᠤᠨ ᠠᠮᠣᠷ ᠲᠣᠭᠳᠠᠭᠤᠨ ᠢ ᠪᠠᠳᠣᠯᠠᠬᠤ ᠶᠢᠨ ᠲᠣᠰᠠᠳᠠ | ᠲᠣᠰ ᠪᠡᠯᠡᠳᠭᠡᠯ ᠲᠦᠰᠦᠪ ᠢ ᠲᠣᠭᠳᠠᠭᠠᠪᠠ᠃ | ︵ᠬᠤᠶᠠᠷ︶ ᠲᠣᠭᠳᠠᠭᠠᠭᠰᠠᠨ ᠦᠨᠳᠦᠰᠦᠯᠡᠯ᠃ ︽ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ | ᠭᠡᠨᠡᠳᠳᠠ ᠶᠢᠨ ᠬᠡᠷᠡᠭ ᠢ ᠠᠷᠭᠠᠴᠠᠬᠤ ᠬᠠᠣᠯᠢ︾᠂ ︽ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ | ᠠᠶᠣᠯᠭᠦᠢ ᠣᠶᠢᠯᠠᠳᠪᠦᠷᠢᠯᠡᠯ ᠤᠨ ᠬᠠᠣᠯᠢ︾ ᠪᠣᠯᠣᠨ ︽ᠣᠷᠳᠣᠰ ᠬᠤᠳᠠ ᠶᠢᠨ ᠣᠯᠠᠨ ᠨᠡᠶᠢᠳᠡ ᠶᠢᠨ ᠭᠡᠨᠡᠳᠳᠡ | ᠶᠢᠨ ᠬᠡᠷᠡᠭ ᠤᠨ ᠪᠠᠴᠢᠮ ᠪᠠᠶᠢᠳᠠᠯ ᠢ ᠶᠡᠷᠦᠩᠬᠡᠶᠢᠯᠡᠨ ᠠᠷᠭᠠᠴᠠᠬᠤ ᠪᠡᠯᠡᠳᠬᠡᠯ ᠲᠦᠰᠦᠪ ᠢ ᠲᠠᠷᠣᠮᠠᠯᠯᠠᠨ ᠲᠠᠷᠬᠠᠭᠠᠬᠤ | ᠲᠣᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠬᠤ | ﹇2006﹈ 21 ᠲᠣᠭᠠᠳᠦ︶ ᠵᠡᠷᠭᠡ ᠬᠠᠣᠯᠢ ᠲᠣᠭᠳᠠᠭᠠᠯ᠂ ᠪᠢᠴᠢᠭ ᠮᠠᠲ᠋ᠧᠷᠢᠶᠠᠯ ᠵᠢᠴᠢ ᠮᠠᠨ ᠤ ᠬᠤᠰᠢᠭᠤᠨ ᠤ | ᠪᠣᠳᠠᠳᠦ ᠪᠠᠶᠢᠳᠠᠯ ᠲᠠᠢ ᠣᠶᠠᠯᠳᠣᠭᠤᠯᠣᠨ ᠲᠣᠰ ᠠᠷᠭ᠎ᠠ ᠶᠢ ᠲᠣᠭᠳᠠᠭᠠᠪᠠ᠃ | ︵ᠭᠤᠷᠪᠠ︶ ᠬᠡᠷᠡᠭᠯᠡᠬᠦ ᠬᠦᠷᠢᠶ᠎ᠡ ᠬᠡᠪᠴᠢᠶ᠎ᠡ᠃ ᠲᠣᠰ ᠪᠡᠯᠡᠳᠭᠡᠯ ᠲᠦᠰᠦᠪ ᠢ ᠮᠠᠨ ᠤ ᠬᠤᠰᠢᠭᠤᠨ ᠤ | ᠬᠡᠪᠴᠢᠶᠡᠨ ᠳᠠᠬᠢ ᠣᠶᠢᠯᠠᠳᠪᠦᠷᠢᠯᠡᠯ ᠤᠨ ᠭᠡᠨᠡᠳᠡᠯ ᠢ ᠠᠷᠭᠠᠴᠠᠬᠤ ᠠᠵᠢᠯ ᠳᠤ ᠬᠡᠷᠡᠭᠵᠢᠭᠦᠯᠦᠨ᠎ᠡ᠃ | 1. ᠡᠩ ᠤᠨ᠂ ᠶᠡᠭᠡ᠂ ᠬᠦᠨᠳᠦ ᠶᠡᠭᠡ ᠪᠠ ᠣᠨᠴᠠ ᠬᠦᠨᠳᠦ ᠶᠡᠭᠡ ᠣᠶᠢᠠᠯᠳᠪᠦᠷᠢᠯᠡᠯ ᠤᠨ ᠭᠡᠨᠡᠳᠡᠯ᠃ | 2. ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠬᠦ ᠴᠢᠬᠤᠯᠠ ᠲᠠᠢ ᠲᠣᠬᠠᠢ ᠭᠠᠵᠠᠷ | ᠤᠨ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠨ ᠰᠢᠢᠳᠪᠦᠷᠢᠯᠡᠬᠦ ᠴᠢᠳᠠᠪᠬᠢ | ᠠᠴᠠ ᠬᠡᠳᠣᠷᠡᠭᠰᠡᠨ ᠣᠶᠢᠯᠠᠳᠪᠦᠷᠢᠯᠠᠯ ᠤᠨ ᠭᠡᠨᠡᠳᠡᠯ᠃ | 3. ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠳᠠᠭᠠᠭᠰᠠᠨ ᠬᠤᠰᠢᠭᠤ ᠠᠷᠠᠳ ᠤᠨ ᠵᠠᠰᠠᠭ | ᠤᠨ ᠣᠷᠳᠣᠨ ᠤ ᠰᠢᠢᠳᠪᠦᠷᠢᠯᠡᠬᠦ ᠵᠣᠬᠢᠰᠳᠠᠢ ᠣᠶᠢᠯᠠᠳᠪᠦᠷᠢᠯᠡᠯ ᠤᠨ ᠭᠡᠨᠡᠳᠡᠯ᠃ | ︵ᠲᠦᠷᠪᠡ︶ ᠠᠵᠢᠯ ᠤᠨ ᠵᠠᠷᠴᠢᠮ | 1. ᠬᠦᠮᠦᠨ ᠢᠶᠠᠷ ᠦᠨᠳᠦᠰᠦ ᠪᠣᠯᠭᠠᠨ᠂ ᠠᠮᠣᠷ ᠲᠦᠪᠰᠢᠨ ᠢ ᠲᠡᠷᠢᠭᠦᠨ ᠳᠤ ᠲᠠᠯᠪᠢᠨ᠎ᠠ᠃ ᠠᠷᠠᠳ ᠣᠯᠠᠨ ᠤ | ᠠᠮᠢ ᠨᠠᠰᠣᠨ ᠤ ᠠᠮᠣᠷ ᠲᠦᠪᠰᠢᠨ ᠢ ᠪᠠᠳᠣᠯᠠᠵᠣ᠂ ᠭᠡᠨᠡᠳᠡᠯ ᠭᠠᠷᠬᠤ ᠶᠢ ᠰᠡᠷᠭᠡᠶᠢᠯᠡᠬᠦ ᠪᠡ ᠰᠢᠷᠬᠠᠳᠣᠯ ᠢ ᠬᠠᠮᠤᠭ | ᠪᠠᠭ᠎ᠠ ᠳᠤ ᠬᠢᠵᠠᠭᠠᠷᠯᠠᠬᠤ ᠡᠭᠦᠷᠭᠡ ᠶᠢ ᠲᠡᠷᠢᠭᠦᠨ ᠪᠠᠶᠢᠷᠢᠨ ᠳᠤ ᠲᠠᠯᠪᠢᠵᠣ᠂ ᠪᠠᠴᠢᠮ ᠠᠷᠭᠠᠴᠠᠬᠤ ᠠᠪᠣᠷᠠᠨ | ᠲᠣᠰᠠᠯᠠᠯᠳᠡ ᠶᠢᠨ ᠠᠵᠢᠯᠳᠠᠨ ᠤ ᠠᠮᠣᠷ ᠲᠦᠪᠰᠢᠨ ᠤ ᠬᠠᠮᠠᠭᠠᠯᠠᠯᠳᠠ ᠶᠢ ᠦᠨᠡᠨ ᠬᠦ ᠴᠢᠩᠭᠠᠳᠬᠠᠨ᠂ ᠲᠣᠰᠬᠠᠢ | ᠮᠡᠷᠭᠡᠵᠢᠯ ᠤᠨ ᠠᠪᠣᠷᠠᠨ ᠲᠣᠰᠠᠯᠠᠯᠳᠠ ᠶᠢᠨ ᠭᠤᠣᠯᠯᠠᠭᠴᠢ ᠬᠦᠴᠦᠨ ᠪᠣᠯᠣᠨ ᠠᠷᠠᠳ ᠣᠯᠠᠨ ᠤ ᠦᠨᠳᠦᠰᠦᠨ | ᠣᠶᠢᠯᠠᠳᠣᠯ ᠢ ᠭᠦᠢᠴᠡᠳ ᠪᠠᠳᠠᠷᠠᠭᠤᠯᠣᠨ᠎ᠠ᠃ | 2. ᠨᠢᠭᠡᠳᠦᠯᠳᠡᠢ ᠣᠳᠣᠷᠢᠳᠣᠨ᠂ ᠱᠠᠳᠦ ᠬᠤᠪᠢᠶᠠᠨ ᠬᠠᠷᠢᠭᠤᠴᠠᠨ᠎ᠠ᠃ ᠬᠤᠰᠢᠭᠤ ᠠᠷᠠᠳ ᠤᠨ ᠵᠠᠰᠠᠭ ᠤᠨ | ᠣᠷᠳᠣᠨ ᠤ ᠨᠢᠭᠡᠳᠦᠯᠳᠡᠢ ᠣᠳᠣᠷᠢᠳᠣᠯᠭ᠎ᠠ ᠪᠠ ᠵᠢᠯᠣᠭᠤᠳᠣᠯᠭ᠎ᠠ ᠲᠣᠣᠷ᠎ᠠ᠂ ᠡᠯ᠎ᠡ ᠱᠠᠳᠣᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠦᠴᠢᠷ ᠦᠪᠡᠷ ᠤᠨ ᠲᠣᠰᠢᠶᠠᠯ ᠬᠠᠷᠢᠭᠤᠴᠠᠯᠭ᠎ᠠ ᠪᠣᠯᠣᠨ ᠡᠷᠬᠡ ᠶᠢᠨ ᠬᠢᠵᠠᠭᠠᠷᠯᠠᠯ ᠢᠶᠠᠨ | ᠦᠨᠳᠦᠰᠦᠯᠡᠨ᠂ ᠬᠤᠯᠪᠣᠭᠳᠠᠯ ᠪᠦᠬᠦᠢ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠠᠪᠣᠷᠠᠯᠳᠠ ᠪᠣᠯᠣᠨ ᠪᠠᠴᠢᠮ ᠢ | ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | 3. ᠬᠡᠰᠡᠭ ᠵᠣᠷᠪᠣᠰ ᠢ ᠣᠶᠠᠯᠳᠣᠭᠤᠯᠣᠨ᠂ ᠭᠠᠵᠠᠷ ᠣᠷᠣᠨ ᠤ ᠬᠠᠷᠢᠶᠠᠯᠠᠯ ᠢᠶᠠᠷ ᠭᠤᠣᠯ ᠪᠣᠯᠭᠠᠨ᠎ᠠ᠃ | ᠣᠶᠢᠯᠠᠳᠪᠦᠷᠢᠯᠡᠯ ᠤᠨ ᠭᠡᠨᠡᠳᠡᠯ ᠤᠨ ᠲᠣᠬᠠᠢ ᠶᠢᠨ ᠲᠠᠯᠠᠪᠠᠢ ᠶᠢᠨ ᠪᠠᠴᠢᠮ ᠢ ᠠᠷᠭᠠᠴᠠᠬᠤ ᠰᠢᠢᠳᠪᠦᠷᠢᠯᠡᠯᠳᠡ ᠶᠢ | ᠬᠤᠰᠢᠭᠤ ᠠᠷᠠᠳ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠵᠢᠯᠣᠭᠤᠳᠣᠯᠭ᠎ᠠ ᠪᠠᠷ ᠭᠤᠣᠯ ᠪᠣᠯᠭᠠᠵᠣ᠂ | ᠬᠤᠰᠢᠭᠤ ᠵᠠᠰᠠᠭ ᠵᠠᠬᠢᠷᠭᠠᠨ ᠤ ᠲᠠᠷᠤᠭ᠎ᠠ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠬᠤᠰᠢᠭᠤᠨ ᠤ ᠰᠢᠭᠤᠳ | ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢᠭᠳᠠ ᠬᠠᠮᠵᠢᠯᠴᠠᠵᠣ᠂ ᠵᠢᠯᠣᠭᠤᠳᠬᠤ ᠪᠠ ᠵᠣᠬᠢᠴᠠᠭᠤᠯᠬᠤ | ᠠᠵᠢᠯ ᠢ ᠰᠠᠶᠢᠳᠦᠷ ᠬᠢᠨ᠎ᠠ᠃ | 4. ᠰᠢᠨᠵᠢᠯᠡᠬᠦ ᠣᠬᠠᠭᠠᠨ ᠢ ᠲᠦᠰᠢᠭᠯᠡᠨ᠂ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠲᠣᠭᠳᠠᠭᠠᠨ᠎ᠠ᠃ | ᠲᠡᠷᠢᠭᠦᠨ ᠤ ᠮᠡᠷᠭᠡᠵᠢᠯ ᠲᠣᠰᠬᠠᠢ ᠮᠡᠷᠭᠡᠵᠢᠯᠳᠡᠨ ᠤ ᠣᠶᠢᠯᠠᠳᠣᠯ ᠢᠳᠡᠪᠬᠢᠵᠢᠯ ᠢ ᠭᠦᠢᠴᠡᠳ ᠪᠠᠳᠠᠷᠠᠭᠤᠯᠣᠨ᠂ | ᠰᠢᠨᠵᠢᠯᠡᠬᠦ ᠣᠬᠠᠭᠠᠴᠢ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠲᠣᠭᠳᠠᠭᠠᠨ᠎ᠠ᠃ ᠠᠪᠣᠷᠠᠨ ᠲᠣᠰᠠᠯᠠᠯᠳᠠ ᠶᠢᠨ | ᠲᠡᠷᠢᠭᠦᠨ ᠤ ᠲᠣᠨᠤᠭ ᠲᠦᠬᠦᠭᠡᠷᠦᠮᠵᠢ ᠪᠣᠯᠣᠨ ᠮᠡᠷᠭᠡᠵᠢᠯ ᠢᠶᠠᠷ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ | ᠴᠢᠳᠠᠪᠬᠢ ᠪᠠᠨ ᠴᠢᠩᠭᠠᠳᠬᠠᠨ᠎ᠠ᠃ | 5. ᠬᠠᠣᠯᠢ ᠪᠠᠷ ᠲᠦᠷᠢᠮᠵᠢᠭᠦᠯᠦᠨ᠂ ᠲᠠᠰᠣᠷᠠᠯᠳᠠ ᠦᠭᠡᠢ ᠲᠡᠭᠦᠯᠳᠡᠷᠵᠢᠭᠦᠯᠦᠨ᠎ᠡ᠃ ᠪᠠᠴᠢᠮ ᠢ ᠠᠷᠭᠠᠴᠠᠬᠤ | ᠠᠪᠣᠷᠠᠨ ᠲᠣᠰᠠᠯᠠᠯᠳᠠ ᠶᠢᠨ ᠠᠵᠢᠯ ᠢ ᠬᠠᠣᠯᠢ ᠪᠠᠷ ᠲᠦᠷᠢᠮᠵᠢᠭᠦᠯᠦᠨ᠂ ᠪᠠᠴᠢᠮ ᠢ ᠠᠷᠭᠠᠴᠠᠬᠤ ᠪᠡᠯᠡᠳᠭᠡᠯ ᠲᠦᠰᠦᠪ | ᠤᠨ ᠰᠢᠨᠵᠢᠯᠡᠬᠦ ᠣᠬᠠᠭᠠᠨᠴᠢ ᠴᠢᠨᠠᠷ᠂ ᠬᠠᠨᠳᠦᠯᠭᠠᠳᠦ ᠴᠢᠨᠠᠷ ᠪᠣᠯᠣᠨ ᠵᠢᠯᠣᠭᠤᠳᠬᠤ ᠴᠢᠨᠠᠷ ᠢ ᠪᠠᠳᠣᠯᠠᠨ᠎ᠠ᠃ | 6. ᠰᠡᠷᠭᠡᠶᠢᠯᠡᠬᠦ ᠪᠠᠷ ᠭᠤᠣᠯ ᠪᠣᠯᠭᠠᠨ᠂ ᠡᠩ ᠤᠨ ᠦᠶ᠎ᠡ ᠪᠠ ᠪᠠᠴᠢᠮ ᠦᠶ᠎ᠡ ᠶᠢ ᠣᠶᠠᠯᠳᠣᠭᠤᠯᠣᠨ᠎ᠠ᠃ ︽ | ᠠᠮᠣᠷ ᠲᠦᠪᠰᠢᠨ ᠢ ᠲᠡᠷᠢᠭᠦᠨ ᠳᠤ ᠲᠠᠯᠪᠢᠵᠣ᠂ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ︾ | ᠴᠢᠭᠯᠡᠯᠳᠡ ᠶᠢ ᠲᠣᠣᠱᠳᠠᠢ ᠨᠠᠶᠢᠳᠠᠪᠦᠷᠢᠵᠢᠭᠤᠯᠣᠨ᠂ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ | ᠪᠣᠯᠣᠨ ᠰᠡᠷᠭᠡᠶᠢᠯᠡᠬᠦ ᠠᠵᠢᠯ ᠢ ᠬᠠᠷᠢᠯᠴᠠᠨ ᠣᠶᠠᠯᠳᠣᠭᠤᠯᠬᠤ ᠶᠢ ᠪᠠᠷᠢᠮᠳᠠᠯᠠᠵᠣ᠂ ᠪᠠᠴᠢᠮ ᠢ ᠠᠷᠭᠠᠴᠠᠬᠤ ᠠᠪᠣᠷᠠᠨ | ᠲᠣᠰᠠᠯᠠᠯᠳᠠ ᠶᠢᠨ ᠲᠣᠨᠤᠭ ᠲᠦᠬᠦᠭᠡᠷᠦᠮᠵᠢ ᠪᠣᠯᠣᠨ ᠪᠣᠳᠠᠰ ᠤᠨ ᠨᠦᠭᠡᠴᠡ ᠶᠢ ᠲᠡᠭᠦᠯᠳᠡᠷᠵᠢᠭᠦᠯᠦᠨ᠂ ᠪᠠᠴᠢᠮ ᠢ | ᠠᠷᠭᠠᠴᠠᠬᠤ ᠠᠪᠣᠷᠠᠨ ᠲᠣᠰᠠᠯᠠᠯᠳᠠ ᠶᠢᠨ ᠡᠩᠨᠡᠭᠡ ᠶᠢᠨ ᠪᠠᠶᠢᠭᠤᠯᠣᠯᠳᠠ᠂ ᠪᠠᠴᠢᠮ ᠢ ᠠᠷᠭᠠᠴᠠᠬᠤ ᠰᠣᠷᠢᠯᠳᠠ ᠵᠡᠷᠭᠡ | ᠠᠵᠢᠯ ᠢ ᠰᠠᠶᠢᠳᠦᠷ ᠬᠢᠨ᠎ᠡ᠃ | ︵ᠲᠠᠪᠤ︶ ᠪᠠᠴᠢᠮ ᠢ ᠠᠷᠭᠠᠴᠠᠬᠤ ᠪᠡᠯᠡᠳᠬᠡᠯ ᠲᠦᠰᠦᠪ ᠤᠨ ᠲᠣᠭᠳᠠᠯᠴᠠᠭ᠎ᠠ᠃ ᠪᠦᠬᠦ ᠬᠤᠰᠢᠭᠤᠨ ᠤ | ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠪᠡᠯᠡᠳᠭᠡᠯ ᠲᠦᠰᠦᠪ ᠤᠨ ᠲᠣᠭᠳᠠᠯᠴᠠᠭ᠎ᠠ ᠨᠢ ᠬᠤᠰᠢᠭᠤᠨ | ᠤ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠪᠡᠯᠡᠳᠭᠡᠯ ᠲᠦᠰᠦᠪ᠂ | ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠣᠶᠢᠯᠠᠳᠪᠦᠷᠢᠯᠡᠯ ᠤᠨ ᠭᠡᠨᠡᠳᠡᠯ ᠤᠨ | ᠪᠠᠴᠢᠮ ᠢ ᠠᠷᠭᠠᠴᠠᠬᠤ ᠠᠪᠣᠷᠠᠨ ᠲᠣᠰᠠᠯᠠᠯᠳᠡ ᠶᠢᠨ ᠪᠡᠯᠡᠳᠭᠡᠯ ᠲᠦᠰᠦᠪ ᠪᠣᠯᠣᠨ ᠣᠶᠢᠯᠠᠳᠪᠦᠷᠢᠯᠠᠯ ᠡᠵᠡᠩᠨᠡᠯᠳᠡ ᠶᠢᠨ | ᠨᠢᠭᠡᠴᠡ ᠶᠢᠨ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠪᠡᠯᠡᠳᠭᠡᠯ | ᠲᠦᠰᠦᠪ ᠢᠶᠠᠷ ᠪᠦᠷᠢᠯᠳᠦᠨ᠎ᠡ᠃ | ᠬᠤᠶᠠᠷ᠂ ᠪᠠᠴᠢᠮ ᠢ ᠠᠷᠭᠠᠴᠠᠬᠤ ᠵᠢᠯᠣᠭᠤᠳᠬᠤ ᠪᠠᠶᠢᠭᠤᠯᠣᠮᠵᠢ ᠪᠠ ᠡᠭᠦᠷᠭᠡ ᠬᠠᠷᠢᠭᠤᠴᠠᠯᠭ᠎ᠠ | ︵ᠨᠢᠭᠡ︶ ᠲᠣᠰ ᠲᠦᠰᠦᠪ ᠢ ᠡᠬᠢᠯᠡᠨ ᠬᠡᠷᠡᠭᠵᠢᠭᠦᠯᠪᠡᠯ᠂ ᠬᠤᠰᠢᠭᠤ ᠠᠷᠠᠳ ᠤᠨ ᠵᠠᠰᠠᠭ ᠤᠨ ᠣᠷᠳᠣᠨ ᠤ | ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠵᠢᠯᠣᠭᠤᠣᠬᠤ ᠭᠠᠵᠠᠷ ᠢ | ᠪᠠᠶᠢᠭᠤᠯᠣᠨ᠎ᠠ ︵ᠲᠣᠷᠣᠭᠰᠢ ᠵᠢᠯᠣᠭᠤᠳᠬᠤ ᠭᠠᠵᠠᠷ ᠬᠡᠵᠣ ᠲᠦᠭᠦᠮᠴᠢᠯᠡᠨ᠎ᠡ︶᠃ | 1. ᠵᠢᠯᠣᠭᠤᠳᠬᠤ ᠭᠠᠵᠠᠷ ᠤᠨ ᠪᠦᠷᠢᠯᠳᠦᠭᠦᠨ | ᠶᠡᠷᠦᠩᠬᠡᠢ ᠵᠢᠯᠣᠭᠤᠳᠣᠭᠴᠢ᠄ ᠪᠦᠷᠢᠨᠴᠢᠮᠡᠩ ︵ᠬᠤᠰᠢᠭᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ | ᠬᠤᠰᠢᠭᠤ ᠲᠠᠷᠤᠭ᠎ᠠ︶ | ᠲᠡᠳ᠋ ᠶᠡᠷᠦᠩᠬᠡᠢ ᠵᠢᠯᠣᠭᠤᠳᠣᠭᠴᠢ᠄ ᠭᠤᠣ ᠷᠥᠩ ᠲᠠᠩ ︵ᠬᠤᠰᠢᠭᠤ ᠨᠠᠮ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠶᠠᠪᠣᠳᠠᠯ ᠤᠨ ᠲᠡᠳ᠋ ᠬᠤᠰᠢᠭᠤ | ᠲᠠᠷᠤᠭ᠎ᠠ︶ | ᠸᠠᠩ ᠫᠢᠩ᠄ ︵ᠬᠤᠰᠢᠭᠤ ᠠᠷᠠᠳ ᠤᠨ ᠵᠠᠰᠠᠭ ᠤᠨ ᠣᠷᠳᠣᠨ ᠤ ᠲᠡᠳ᠋ ᠬᠤᠰᠢᠭᠤ ᠲᠠᠷᠤᠭ᠎ᠠ︶ | ᠾᠧ ᠶᠥᠩ ᠳ᠋ᠦᠩ᠄ ︵ᠬᠤᠰᠢᠭᠤ ᠠᠷᠠᠳ ᠤᠨ ᠵᠠᠰᠠᠭ ᠤᠨ ᠣᠷᠳᠣᠨ ᠤ ᠲᠡᠳ᠋ ᠬᠤᠰᠢᠭᠤ ᠲᠠᠷᠤᠭ᠎ᠠ︶ | ᠵᠣᠣ ᠵᠢᠶᠠᠨ ᠭᠠᠩ᠄ ︵ᠠᠶᠣᠯᠬᠦᠢ ᠣᠶᠢᠯᠠᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠡᠷᠭᠢᠯᠡᠭᠴᠢ᠂ | ᠠᠶᠣᠯᠭᠦᠢ ᠣᠶᠢᠯᠠᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶᠠᠨ ᠤ ᠲᠣᠪᠴᠢᠶᠠᠨ ᠲᠠᠷᠤᠭ᠎ᠠ︶ | ᠭᠡᠰᠢᠭᠦᠳ᠄ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠶᠣᠯᠭᠦᠢ | ᠣᠶᠢᠯᠠᠳᠪᠦᠷᠢᠯᠠᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠬᠢᠨᠠᠨ ᠪᠠᠶᠢᠴᠠᠭᠠᠬᠤ ᠲᠣᠪᠴᠢᠶ᠎ᠠ᠂ ᠲᠣᠳᠣᠭᠠᠳᠦ | ᠶᠢ ᠬᠠᠮᠠᠭᠠᠯᠠᠬᠤ ᠲᠣᠪᠴᠢᠶ᠎ᠠ᠂ ᠦᠭᠡᠷᠡᠴᠢᠯᠡᠯᠳᠡ ᠬᠦᠭᠵᠢᠭᠦᠯᠦᠯᠳᠡ ᠶᠢᠨ ᠲᠣᠪᠴᠢᠶ᠎ᠠ᠂ ᠠᠵᠤ ᠠᠬᠤᠢ ᠠᠷᠠᠯᠵᠢᠶ᠎ᠠ | ᠪᠠᠮᠡᠳᠡᠭᠡ ᠵᠠᠩᠬᠢᠴᠢᠯᠠᠯᠲᠠ ᠶᠢᠨ ᠳᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠦᠳᠦᠭᠡᠨ | ᠪᠠᠶᠢᠭᠤᠯᠣᠯᠳᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠨᠡᠭᠦᠷᠡᠰᠣᠨ ᠠᠵᠣ ᠣᠶᠢᠯᠠᠳᠪᠦᠷᠢ ᠶᠢᠨ | ᠬᠠᠮᠢᠶᠠᠷᠣᠯᠳᠠ ᠶᠢᠨ ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠮᠠᠯ | ᠲᠠᠷᠢᠶᠠᠯᠠᠩ ᠤᠨ ᠲᠣᠪᠴᠢᠶ᠎ᠠ᠂ ᠲᠠᠷᠢᠶᠠᠯᠠᠩ ᠤᠨ ᠮᠠᠰᠢᠨ ᠤ ᠲᠣᠪᠴᠢᠶ᠎ᠠ᠂ ᠣᠰᠣᠨ ᠤ ᠶᠠᠪᠣᠳᠠᠯ ᠤᠨ ᠲᠣᠪᠴᠢᠶ᠎ᠠ᠂ | ᠣᠢ ᠰᠢᠭᠤᠢ ᠶᠢᠨ ᠲᠣᠪᠴᠢᠶ᠎ᠠ᠂ ᠰᠣᠶᠣᠯ ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠤᠨ ᠲᠣᠪᠴᠢᠶ᠎ᠠ᠂ | ᠵᠢᠭᠤᠯᠴᠢᠯᠠᠯ ᠤᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠳᠣᠯᠠᠭ᠎ᠠ ᠶᠢᠨ | ᠲᠣᠪᠴᠢᠶ᠎ᠠ᠂ ᠠᠷᠠᠳ ᠤᠨ ᠶᠠᠪᠣᠳᠠᠯ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠪᠴᠢᠶ᠎ᠠ᠂ | ᠴᠠᠭ ᠠᠭᠤᠷ ᠤᠨ ᠲᠣᠪᠴᠢᠶ᠎ᠠ᠂ ᠠᠵᠢᠯᠴᠢᠨ ᠤ ᠶᠡᠷᠦᠩᠭᠡᠢ ᠡᠪᠯᠠᠯ᠂ ᠲᠣᠳᠣᠭᠠᠳᠦ ᠶᠢ ᠬᠠᠮᠠᠭᠠᠯᠠᠬᠤ ᠭᠠᠯ ᠣᠨᠳᠠᠷᠭᠠᠬᠤ | ᠶᠡᠭᠡ ᠠᠩᠭᠢ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠃ | 2. ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ | ᠬᠤᠰᠢᠭᠤ ᠠᠷᠠᠳ ᠤᠨ ᠵᠠᠰᠭ ᠤᠨ ᠣᠷᠳᠣᠨ ᠤ ᠨᠢᠭᠡᠳᠦᠯᠳᠡᠢ ᠣᠳᠣᠷᠢᠳᠣᠯᠭ᠎ᠠ ᠲᠣᠣᠷ᠎ᠠ᠂ ᠪᠦᠬᠦ ᠬᠤᠰᠢᠭᠤᠨ | ᠤ ᠣᠶᠢᠯᠠᠳᠪᠦᠷᠢᠯᠡᠯ ᠤᠨ ᠭᠡᠨᠡᠳᠡᠯ ᠢ ᠪᠠᠴᠢᠮ ᠠᠷᠭᠠᠴᠠᠬᠤ ᠠᠪᠣᠷᠠᠨ ᠲᠣᠰᠠᠯᠠᠯᠳᠠ ᠶᠢᠨ ᠬᠢᠨᠠᠨ ᠪᠠᠶᠢᠴᠠᠭᠠᠬᠤ᠂ ᠵᠢᠭᠠᠨ | ᠵᠢᠯᠣᠭᠤᠳᠬᠤ ᠠᠵᠢᠯ ᠢ ᠬᠠᠷᠢᠭᠤᠴᠠᠵᠣ᠂ ᠪᠠᠴᠢᠮ ᠠᠷᠭᠠᠴᠠᠬᠤ ᠠᠪᠣᠷᠠᠨ ᠲᠣᠰᠠᠯᠠᠯᠳᠠ ᠶᠢᠨ ᠴᠢᠬᠤᠯᠠ ᠶᠡᠭᠡ ᠬᠡᠷᠡᠭ | ᠣᠴᠢᠷ ᠤᠨ ᠰᠢᠢᠳᠪᠦᠷᠢᠳᠦ ᠪᠣᠳᠣᠯᠭ᠎ᠠ ᠲᠣᠭᠳᠠᠭᠠᠬᠤ ᠶᠢ ᠬᠠᠷᠢᠭᠤᠴᠠᠨ᠂ ᠭᠡᠨᠡᠳᠡᠯ ᠤᠨ ᠪᠠᠴᠢᠮ ᠢ ᠠᠷᠭᠠᠴᠠᠬᠤ ᠠᠵᠢᠯ | ᠢ ᠶᠠᠪᠣᠭᠳᠠᠭᠤᠯᠬᠤ ᠪᠠ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠦᠷ᠎ᠡ ᠳ᠋ᠦᠩ ᠢ ᠴᠠᠭ ᠲᠣᠬᠠᠢ ᠳᠤᠨᠢ | ᠨᠠᠶᠢᠳᠡᠯᠠᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠭᠡᠨᠡᠳᠡᠯ ᠤᠨ ᠠᠪᠣᠷᠠᠨ ᠲᠣᠰᠠᠯᠠᠯᠳᠠ ᠶᠢᠨ ᠪᠠᠶᠢᠳᠠᠯ | ᠢ ᠬᠠᠷᠢᠭᠤᠴᠠᠨ ᠮᠡᠳᠡᠭᠦᠯᠦᠨ᠎ᠡ᠃ | 3. ᠡᠯ᠎ᠡ ᠭᠡᠰᠢᠭᠦᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ | ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ᠄ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠯᠳᠠ | ᠶᠢᠨ ᠮᠡᠳᠡᠭᠡᠯᠡᠯ᠂ ᠰᠣᠨᠢᠨ ᠮᠡᠳᠡᠭᠡ ᠨᠡᠶᠢᠳᠡᠯᠡᠬᠦ ᠠᠵᠢᠯ ᠢ ᠬᠠᠷᠢᠭᠤᠴᠠᠨ᠎ᠠ᠃ | ᠬᠤᠰᠢᠭᠤᠨ ᠤ ᠠᠶᠣᠯᠭᠦᠢ ᠣᠶᠢᠯᠠᠳᠪᠦᠷᠢᠯᠠᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠄ ᠠᠶᠣᠯᠳᠠᠢ ᠬᠢᠮᠢ ᠶᠢᠨ | ᠪᠣᠳᠠᠰ᠂ ᠨᠡᠭᠦᠷᠡᠰᠦᠨ ᠪᠣᠰᠣ ᠠᠭᠤᠷᠬᠠᠢ᠂ ᠬᠤᠸᠠᠷ ᠫᠣᠣᠵᠢᠩ ᠤᠨ ᠠᠵᠢᠯ ᠲᠦᠷᠦᠯ ᠤᠨ ᠭᠡᠨᠡᠳᠡᠯ ᠤᠨ ᠪᠠᠴᠢᠮ ᠢ | ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ᠂ ᠣᠶᠢᠯᠠᠳᠪᠦᠷᠢᠯᠡᠯ ᠤᠨ ᠪᠣᠰᠣᠳ ᠭᠡᠨᠡᠳᠡᠯ ᠤᠨ | ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ᠬᠤᠰᠢᠭᠤᠨ ᠤ ᠬᠢᠨᠠᠨ ᠪᠠᠶᠢᠴᠠᠭᠠᠬᠤ ᠲᠣᠪᠴᠢᠶ᠎ᠠ᠄ ᠡᠯ᠎ᠡ ᠱᠠᠳᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ | ᠤᠨ ᠠᠶᠣᠯᠬᠦᠢ ᠣᠶᠢᠯᠠᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠳᠤ ᠬᠢᠨᠠᠯᠳᠠ ᠲᠠᠯᠪᠢᠵᠣ᠂ ᠭᠡᠨᠡᠳᠡᠯ ᠤᠨ ᠰᠢᠢᠳᠪᠦᠷᠢᠯᠡᠯᠳᠡ ᠶᠢᠨ ᠪᠠᠶᠢᠳᠠᠯ ᠢ ᠬᠢᠨᠠᠨ ᠪᠠᠶᠢᠴᠠᠭᠠᠵᠣ᠂ | ᠠᠶᠣᠯᠭᠦᠢ ᠣᠶᠢᠯᠠᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠠᠨ | ᠦᠭᠡᠢ ᠠᠵᠢᠯᠯᠭ᠎ᠠ ᠶᠢ ᠪᠠᠶᠢᠴᠠᠭᠠᠨ ᠰᠢᠢᠳᠪᠦᠷᠢᠯᠡᠵᠣ᠂ ᠠᠶᠣᠯ ᠠᠴᠠ ᠠᠪᠣᠷᠠᠬᠤ ᠠᠵᠢᠯ ᠤᠨ ᠲᠣᠰᠢᠶᠠᠯ ᠢᠶᠠᠨ | ᠭᠤᠳᠣᠭᠠᠭᠰᠠᠨ ᠠᠵᠢᠯᠯᠠᠭ᠎ᠠ ᠠᠴᠠ ᠬᠠᠷᠢᠭᠤᠴᠠᠯᠭ᠎ᠠ ᠨᠡᠭᠡᠮᠵᠢᠯᠡᠵᠣ᠂ ᠭᠡᠨᠡᠳᠡᠯ ᠤᠨ ᠪᠠᠶᠢᠴᠠᠭᠠᠯᠳᠠ ᠰᠢᠢᠳᠪᠦᠷᠢᠯᠡᠯᠳᠡ | ᠶᠢᠨ ᠠᠵᠢᠯ ᠳᠤ ᠣᠷᠣᠯᠴᠠᠨ᠎ᠠ᠃ | ᠬᠤᠰᠢᠭᠤᠨ ᠤ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠄ ᠭᠠᠯ ᠤᠨ ᠠᠶᠣᠯ᠂ ᠠᠶᠣᠯᠳᠡᠢ ᠬᠢᠮᠢ ᠶᠢᠨ ᠪᠣᠳᠠᠰ᠂ | ᠵᠠᠮ ᠬᠠᠷᠢᠯᠴᠠᠭᠠᠨ ᠤ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ | ᠵᠢᠯᠣᠭᠤᠳᠬᠤ ᠠᠵᠢᠯ ᠢ ᠬᠠᠷᠢᠭᠤᠴᠠᠨ᠂ ᠭᠡᠨᠡᠳᠡᠯ ᠤᠨ ᠣᠷᠣᠨ ᠬᠡᠪᠴᠢᠶᠡᠨ ᠤ ᠵᠠᠮ ᠬᠠᠷᠢᠯᠴᠠᠭᠠᠨ ᠤ ᠬᠠᠮᠢᠶᠠᠷᠣᠯᠳᠠ᠂ | ᠲᠣᠬᠠᠢ ᠲᠠᠯᠠᠪᠠᠢ ᠶᠢᠨ ᠬᠠᠮᠠᠭᠠᠯᠠᠯᠳᠠ᠂ ᠠᠷᠠᠳ ᠣᠯᠠᠨ ᠢ ᠰᠢᠯᠵᠢᠭᠦᠯᠦᠨ ᠵᠠᠶᠢᠯᠠᠭᠤᠯᠬᠤ ᠪᠠ ᠲᠣᠭᠢᠷᠠᠭᠤᠯᠣᠨ | ᠲᠦᠪᠬᠢᠨᠡᠭᠦᠯᠬᠦ ᠣᠷᠣᠨ ᠤ ᠠᠮᠣᠷ ᠢ ᠬᠠᠮᠠᠭᠠᠯᠠᠬᠤ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠂ ᠭᠡᠨᠡᠳᠡᠯ ᠤᠨ | ᠪᠠᠶᠢᠴᠠᠭᠠᠯᠳᠠ ᠰᠢᠢᠳᠪᠦᠷᠢᠯᠡᠯᠳᠡ ᠶᠢᠨ ᠠᠵᠢᠯ ᠳᠤ ᠣᠷᠣᠯᠴᠠᠨ᠎ᠠ᠃ | ᠬᠤᠰᠢᠭᠤᠨ ᠤ ᠦᠭᠡᠷᠡᠴᠢᠯᠡᠯᠳᠡ ᠬᠦᠭᠵᠢᠭᠦᠯᠦᠯᠳᠡ ᠶᠢᠨ ᠲᠣᠪᠴᠢᠶ᠎ᠠ᠄ ᠪᠦᠬᠦ ᠬᠤᠰᠢᠭᠤᠨ ᠤ ᠣᠶᠢᠯᠠᠳᠪᠦᠷᠢᠯᠡᠯ | ᠤᠨ ᠭᠡᠨᠡᠳᠡᠯ ᠤᠨ ᠪᠠᠴᠢᠮ ᠢ ᠠᠷᠭᠠᠴᠠᠬᠤ ᠪᠣᠳᠠᠰ ᠨᠦᠭᠡᠴᠡᠯᠡᠬᠦ ᠠᠵᠢᠯ ᠢ ᠰᠠᠶᠢᠳᠦᠷ ᠬᠢᠬᠦ ᠶᠢ ᠬᠠᠷᠢᠭᠤᠴᠠᠨ᠂ | ᠠᠶᠣᠯᠭᠦᠢ ᠣᠶᠢᠯᠠᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠠᠪᠣᠷᠠᠨ ᠲᠣᠰᠠᠯᠠᠯᠳᠠ ᠶᠢᠨ ᠪᠠᠶᠢᠭᠤᠯᠣᠯᠳᠠ ᠶᠢᠨ | ᠲᠦᠷᠦᠯ ᠵᠣᠶᠢᠯ ᠢ ᠮᠡᠳᠡᠭᠦᠯᠭᠦ ᠪᠠ ᠲᠣᠭᠳᠠᠭᠠᠬᠤ ᠶᠢ ᠬᠠᠷᠢᠭᠤᠴᠠᠵᠣ᠂ ᠲᠦᠷᠦᠯ ᠵᠣᠶᠢᠯ ᠤᠨ ᠪᠡᠯᠡ ᠣᠷᠣᠭᠤᠯᠣᠯᠳᠠ | ᠶᠢ ᠨᠠᠶᠢᠳᠠᠪᠦᠷᠢᠵᠢᠭᠤᠯᠣᠨ᠎ᠠ᠃ | ᠬᠤᠰᠢᠭᠤᠨ ᠤ ᠠᠵᠤ ᠠᠬᠤᠢ ᠠᠷᠠᠯᠵᠢᠶ᠎ᠠ ᠪᠠᠮᠡᠳᠡᠭᠡ ᠵᠠᠩᠬᠢᠴᠢᠯᠠᠯᠲᠠ ᠶᠢᠨ ᠳᠤᠪᠴᠢᠶ᠎ᠠ᠄ ᠠᠷᠠᠳ ᠤᠨ | ᠬᠡᠷᠡᠭᠯᠡᠭᠡᠨ ᠤ ᠲᠡᠰᠦᠷᠡᠭᠦᠯᠬᠦ ᠪᠣᠳᠠᠰ ᠤᠨ ᠠᠵᠢᠯ ᠲᠦᠷᠦᠯ ᠤᠨ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ | ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ ᠵᠢᠯᠣᠭᠤᠳᠬᠤ ᠠᠵᠢᠯ ᠢ ᠬᠠᠷᠢᠭᠤᠴᠠᠨ᠂ ᠠᠷᠠᠳ ᠤᠨ | ᠬᠡᠷᠡᠭᠯᠡᠭᠡᠨ ᠤ ᠲᠡᠰᠦᠷᠡᠭᠦᠯᠬᠦ ᠪᠣᠳᠠᠰ ᠤᠨ ᠭᠡᠨᠡᠳᠡᠯ ᠤᠨ ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠠᠶᠣᠯᠭᠦᠢ ᠣᠶᠢᠯᠠᠳᠪᠦᠷᠢᠯᠡᠯ ᠤᠨ ᠪᠠᠴᠢᠮ ᠢ ᠠᠷᠭᠠᠴᠠᠬᠤ | ᠠᠪᠣᠷᠠᠨ ᠲᠣᠰᠠᠯᠠᠯᠳᠡ ᠶᠢᠨ ᠲᠣᠰᠬᠠᠢ ᠲᠦᠷᠦᠯ ᠤᠨ ᠵᠠᠷᠣᠳᠠᠯ ᠪᠣᠯᠣᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠡ | ᠶᠢᠨ ᠲᠣᠨᠤᠭ ᠲᠦᠬᠦᠭᠡᠷᠦᠮᠵᠢ᠂ ᠪᠣᠳᠠᠰ ᠤᠨ ᠨᠦᠭᠡᠴᠡ ᠶᠢᠨ ᠵᠠᠷᠣᠳᠠᠯ ᠢ ᠨᠠᠶᠢᠳᠠᠪᠦᠷᠢᠵᠢᠭᠤᠯᠬᠤ ᠶᠢ ᠬᠠᠷᠢᠭᠤᠴᠠᠨ᠎ᠠ᠃ | ᠬᠤᠰᠢᠭᠤᠨ ᠤ ᠣᠷᠣᠨ ᠰᠠᠭᠤᠴᠠ ᠪᠦᠳᠦᠭᠡᠨ ᠪᠠᠶᠢᠭᠤᠯᠣᠯᠳᠠ ᠶᠢᠨ ᠲᠣᠪᠴᠢᠶ᠎ᠠ᠄ ᠪᠠᠷᠢᠯᠭ᠎ᠠ ᠶᠢᠨ ᠠᠵᠢᠯ | ᠲᠦᠷᠦᠯ ᠤᠨ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠡ ᠵᠢᠴᠢ | ᠪᠠᠶᠢᠴᠠᠭᠠᠯᠳᠡ ᠶᠢ ᠵᠣᠬᠢᠶᠠᠨ ᠪᠠᠶᠢᠭᠤᠯᠣᠨ ᠵᠢᠯᠣᠭᠤᠳᠬᠤ ᠠᠵᠢᠯ ᠢ ᠬᠠᠷᠢᠭᠤᠴᠠᠨ᠎ᠠ᠃ | ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠄ ᠵᠠᠰᠠᠮᠠᠯ ᠵᠠᠮ ᠤᠨ ᠪᠠᠶᠢᠭᠤᠯᠣᠯᠳᠠ᠂ ᠣᠰᠣᠨ ᠲᠡᠭᠡᠷᠡᠬᠢ | ᠵᠠᠮ ᠬᠠᠷᠢᠯᠴᠠᠭᠠᠨ ᠤ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠡ ᠶᠢ ᠵᠣᠬᠢᠶᠠᠨ ᠪᠠᠶᠢᠭᠤᠯᠣᠨ | ᠵᠢᠯᠣᠭᠤᠳᠬᠤ ᠠᠵᠢᠯ ᠢ ᠬᠠᠷᠢᠭᠤᠴᠠᠵᠣ᠂ ᠲᠣᠳᠣᠭᠠᠳᠦ ᠶᠢ ᠬᠠᠮᠠᠭᠠᠯᠠᠬᠤ ᠰᠠᠯᠠᠭ᠎ᠠ ᠮᠦᠴᠢᠷ ᠲᠠᠢ ᠬᠠᠮᠵᠢᠯᠴᠠᠨ ᠵᠠᠮ | ᠬᠠᠷᠢᠯᠴᠠᠭᠠᠨ ᠤ ᠭᠡᠨᠡᠳᠡᠯ ᠢ ᠰᠢᠢᠳᠪᠦᠷᠢᠯᠡᠨ᠂ ᠵᠠᠰᠠᠮᠠᠯ ᠵᠠᠮ ᠤᠨ ᠪᠠᠶᠢᠭᠤᠯᠣᠯᠳᠠ᠂ ᠣᠰᠣᠨ ᠲᠡᠭᠡᠷᠡᠭᠢ ᠵᠠᠮ | ᠬᠠᠷᠢᠯᠴᠠᠭᠠᠨ ᠤ ᠭᠡᠨᠡᠳᠡᠯ ᠤᠨ ᠪᠠᠶᠢᠴᠠᠭᠠᠯᠳᠡ ᠳᠤ ᠣᠷᠣᠯᠴᠠᠨ᠎ᠠ᠃ | ᠬᠤᠰᠢᠭᠤᠨ ᠤ ᠨᠡᠭᠦᠷᠡᠰᠦᠨ ᠠᠵᠣ ᠣᠶᠢᠠᠯᠳᠪᠦᠷᠢ ᠶᠢᠨ ᠲᠣᠪᠴᠢᠶ᠎ᠠ᠄ ᠨᠠᠭᠦᠷᠡᠰᠦᠨ ᠤ ᠠᠵᠢᠯ ᠲᠦᠷᠦᠯ ᠤᠨ | ᠣᠶᠢᠠᠯᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ | ᠵᠢᠯᠣᠭᠤᠳᠬᠤ ᠠᠵᠢᠯ ᠢ ᠬᠠᠷᠢᠭᠤᠴᠠᠨ᠂ ᠨᠡᠭᠦᠷᠡᠰᠦᠨ ᠠᠵᠣ ᠣᠶᠢᠯᠠᠳᠪᠦᠷᠢ ᠶᠢᠨ ᠠᠵᠢᠯ ᠲᠦᠷᠦᠯ ᠤᠨ ᠭᠡᠨᠡᠳᠡᠯ ᠤᠨ | ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠵᠠᠬ᠎ᠠ ᠲᠡᠯᠭᠡᠬᠦᠷ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠄ ᠣᠨᠴᠠᠭᠠᠢ ᠲᠣᠬᠦᠭᠡᠷᠦᠮᠵᠢ ᠶᠢᠨ | ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ ᠵᠢᠯᠣᠭᠤᠳᠬᠤ ᠠᠵᠢᠯ ᠢ | ᠬᠠᠷᠢᠭᠤᠴᠠᠵᠣ᠂ ᠣᠨᠴᠠᠭᠠᠢ ᠲᠦᠬᠦᠭᠡᠷᠦᠮᠵᠢ ᠶᠢᠨ ᠭᠡᠨᠡᠳᠡᠯ ᠤᠨ ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠮᠠᠯ ᠲᠠᠷᠢᠶᠠᠯᠠᠩ ᠤᠨ ᠲᠣᠪᠴᠢᠶ᠎ᠠ᠄ ᠨᠣᠳᠤᠭ ᠪᠡᠯᠴᠢᠭᠡᠷ ᠤᠨ ᠭᠠᠯ ᠤᠨ ᠠᠶᠣᠯ᠂ ᠮᠠᠯ | ᠲᠠᠷᠢᠶᠠᠯᠠᠩ ᠵᠢᠭᠠᠰᠣᠨ ᠤ ᠠᠵᠣ ᠣᠶᠢᠯᠠᠰ ᠤᠨ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ | ᠲᠣᠰᠠᠯᠠᠯᠳᠠ ᠶᠢ ᠵᠣᠬᠢᠶᠠᠨ ᠪᠠᠶᠢᠭᠤᠯᠣᠨ ᠵᠢᠯᠣᠭᠤᠳᠬᠤ ᠠᠵᠢᠯ ᠢ ᠬᠠᠷᠢᠭᠤᠴᠠᠵᠣ᠂ ᠨᠣᠳᠤᠭ ᠪᠡᠯᠴᠢᠭᠡᠷ ᠤᠨ ᠭᠠᠯ ᠤᠨ | ᠠᠶᠣᠯ᠂ ᠮᠠᠯ ᠲᠠᠷᠢᠶᠠᠯᠠᠩ ᠵᠢᠭᠠᠰᠣᠨ ᠤ ᠠᠵᠣ ᠣᠶᠢᠯᠠᠰ ᠤᠨ ᠭᠡᠨᠡᠳᠡᠯ ᠤᠨ ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠲᠠᠷᠢᠶᠠᠯᠠᠩ ᠤᠨ ᠮᠠᠰᠢᠨ ᠤ ᠲᠣᠪᠴᠢᠶ᠎ᠠ᠄ ᠲᠠᠷᠢᠶᠠᠯᠠᠩ ᠤᠨ ᠮᠠᠰᠢᠨ ᠤ ᠠᠵᠢᠯ ᠲᠦᠷᠦᠯ ᠤᠨ | ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ | ᠵᠢᠯᠣᠭᠤᠳᠬᠤ ᠠᠵᠢᠯ ᠢ ᠬᠠᠷᠢᠭᠤᠴᠠᠵᠣ᠂ ᠲᠠᠷᠢᠶᠠᠯᠠᠩ ᠤᠨ ᠮᠠᠰᠢᠨ ᠤ ᠠᠵᠢᠯ ᠲᠦᠷᠦᠯ ᠤᠨ ᠭᠡᠨᠡᠳᠡᠯ ᠤᠨ | ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠣᠰᠣᠨ ᠤ ᠶᠠᠪᠣᠳᠠᠯ ᠤᠨ ᠲᠣᠪᠴᠢᠶ᠎ᠠ᠄ ᠣᠰᠣᠨ ᠠᠰᠢᠭᠯᠠᠯᠳᠠ ᠶᠢᠨ ᠪᠠᠶᠢᠭᠤᠯᠣᠯᠳᠠ ᠶᠢᠨ | ᠢᠨᠵᠧᠨᠧᠷᠢᠩ ᠤᠨ ᠣᠶᠢᠠᠯᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ | ᠪᠠᠶᠢᠭᠤᠯᠣᠨ ᠵᠢᠯᠣᠭᠤᠳᠬᠤ ᠠᠵᠢᠯ ᠢ ᠬᠠᠷᠢᠭᠤᠴᠠᠵᠣ᠂ ᠣᠰᠣᠨ ᠠᠰᠢᠭᠯᠠᠯᠳᠠ ᠶᠢᠨ ᠪᠠᠶᠢᠭᠤᠯᠣᠯᠳᠠ ᠶᠢᠨ | ᠢᠨᠵᠧᠨᠧᠷᠢᠩ ᠤᠨ ᠭᠡᠨᠡᠳᠡᠯ ᠤᠨ ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠣᠢ ᠰᠢᠭᠤᠢ ᠶᠢᠨ ᠲᠣᠪᠴᠢᠶ᠎ᠠ᠄ ᠣᠢ ᠰᠢᠭᠤᠢ ᠶᠢᠨ ᠭᠠᠯ ᠤᠨ ᠠᠶᠣᠯ᠂ ᠣᠢ ᠰᠢᠭᠤᠢ ᠶᠢᠨ | ᠢᠨᠵᠧᠨᠧᠷᠢᠩ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ | ᠵᠢᠯᠣᠭᠤᠳᠬᠤ ᠠᠵᠢᠯ ᠢ ᠬᠠᠷᠢᠭᠤᠴᠠᠵᠣ᠂ ᠣᠢ ᠰᠢᠭᠤᠢ ᠶᠢᠨ ᠭᠠᠯ ᠤᠨ ᠠᠶᠣᠯ᠂ ᠣᠢ ᠰᠢᠭᠤᠢ ᠶᠢᠨ ᠢᠨᠵᠧᠨᠧᠷᠢᠩ | ᠤᠨ ᠭᠡᠨᠡᠳᠡᠯ ᠤᠨ ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠰᠣᠶᠣᠯ ᠷᠠᠳᠢᠣ᠋ ᠲᠧᠯᠸᠢᠰ ᠲᠣᠪᠴᠢᠶ᠎ᠠ᠄ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭᠠᠨ ᠵᠢᠴᠢ | ᠰᠣᠶᠣᠯ ᠤᠨ ᠠᠵᠢᠯᠯᠠᠭᠠᠨ ᠤ ᠲᠠᠯᠠᠪᠣᠷ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠡ ᠶᠢ ᠵᠣᠬᠢᠶᠠᠨ | ᠪᠠᠶᠢᠭᠤᠯᠣᠨ ᠵᠢᠯᠣᠭᠤᠳᠬᠤ ᠠᠵᠢᠯ ᠢ ᠬᠠᠷᠢᠭᠤᠴᠠᠨ᠂ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭᠠᠨ ᠵᠢᠴᠢ ᠰᠣᠶᠣᠯ | ᠤᠨ ᠠᠵᠢᠯᠯᠠᠭᠠᠨ ᠤ ᠲᠠᠯᠠᠪᠣᠷ ᠤᠨ ᠭᠡᠨᠡᠳᠡᠯ ᠤᠨ ᠪᠠᠶᠢᠴᠠᠭᠠᠯᠳᠡ ᠳᠤ ᠣᠷᠣᠯᠴᠠᠵᠣ᠂ ᠵᠢᠭᠤᠯᠴᠢᠯᠠᠯ ᠤᠨ ᠠᠵᠢᠯ | ᠲᠦᠷᠦᠯ ᠤᠨ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ | ᠪᠠᠶᠢᠭᠤᠯᠣᠨ ᠵᠢᠯᠣᠭᠤᠳᠬᠤ ᠠᠵᠢᠯ ᠢ ᠬᠠᠷᠢᠭᠤᠴᠠᠨ᠂ ᠵᠢᠭᠤᠯᠴᠢᠯᠠᠯ ᠤᠨ ᠠᠵᠢᠯ ᠲᠦᠷᠦᠯ ᠤᠨ ᠣᠶᠢᠯᠠᠳᠪᠦᠷᠢᠯᠡᠯ ᠤᠨ | ᠭᠡᠨᠡᠳᠡᠯ ᠤᠨ ᠪᠠᠶᠢᠴᠠᠭᠠᠯᠳᠠ ᠳᠤ ᠣᠷᠣᠯᠴᠠᠨ᠎ᠠ᠃ | ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠳᠦ ᠭᠦᠩᠭᠡᠵᠢᠯ ᠤᠨ ᠲᠣᠪᠴᠢᠶ᠎ᠠ᠄ ᠡᠷᠡᠭᠦᠯ ᠬᠠᠮᠠᠭᠠᠯᠠᠯ ᠤᠨ | ᠰᠢᠰᠲ᠋ᠧᠮ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢ ᠵᠣᠬᠢᠶᠠᠨ ᠪᠠᠶᠢᠭᠤᠯᠣᠨ ᠵᠢᠯᠣᠭᠤᠳᠬᠤ | ᠠᠵᠢᠯ ᠢ ᠬᠠᠷᠢᠭᠤᠴᠠᠨ᠂ ᠡᠷᠡᠭᠦᠯ ᠬᠠᠮᠠᠭᠠᠯᠠᠯ ᠤᠨ ᠰᠢᠰᠲ᠋ᠧᠮ ᠤᠨ ᠭᠡᠨᠡᠳᠡᠯ ᠤᠨ ᠪᠠᠶᠢᠴᠠᠭᠠᠯᠳᠠ ᠳᠤ ᠣᠷᠣᠯᠴᠠᠵᠣ᠂ | ᠡᠮᠴᠢᠯᠡᠭᠡᠨ ᠤ ᠠᠪᠣᠷᠠᠨ ᠲᠣᠰᠠᠯᠠᠯᠳᠠ ᠶᠢᠨ ᠡᠩᠨᠡᠭᠡ ᠶᠢ ᠵᠣᠬᠢᠶᠠᠨ ᠪᠠᠶᠢᠭᠤᠯᠣᠨ ᠠᠪᠣᠷᠠᠨ ᠲᠣᠰᠠᠯᠠᠯᠳᠠ ᠶᠢ | ᠵᠢᠯᠣᠭᠤᠳᠬᠤ ᠠᠵᠢᠯ ᠢ ᠬᠠᠷᠢᠭᠤᠴᠠᠨ᠎ᠠ᠃ | ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠣᠯᠣᠨ ᠨᠠᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠄ | ᠠᠵᠢᠯ ᠠᠴᠠ ᠪᠣᠯᠣᠭᠰᠠᠨ ᠭᠡᠮᠳᠦᠯ ᠤᠨ ᠲᠠᠭᠠᠳᠬᠠᠯ ᠤᠨ ᠠᠵᠢᠯ ᠢ ᠬᠠᠷᠢᠭᠤᠴᠠᠨ᠂ ᠭᠡᠨᠡᠳᠡᠯ ᠤᠨ ᠲᠠᠷᠠᠭ᠎ᠠ ᠠᠵᠢᠯ | ᠠᠴᠠ ᠪᠣᠯᠣᠭᠰᠠᠨ ᠭᠡᠮᠳᠦᠯ ᠤᠨ ᠲᠠᠭᠠᠳᠬᠠᠯ ᠤᠨ ᠬᠠᠷᠠᠭᠠᠯᠵᠠᠯ ᠵᠢᠴᠢ ᠲᠤᠭ᠎ᠠ ᠶᠣᠰᠣᠭᠠᠷ ᠣᠯᠭᠤᠬᠤ ᠶᠢ ᠪᠠᠳᠣᠯᠠᠨ᠎ᠠ᠃ | | ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ᠄ ᠭᠡᠨᠡᠳᠡᠯ ᠭᠠᠷᠣᠭᠰᠠᠨ ᠭᠠᠵᠠᠷ ᠣᠷᠣᠨ ᠲᠠᠢ | ᠬᠠᠮᠵᠢᠯᠴᠠᠨ ᠭᠠᠮᠰᠢᠭᠳᠠᠭᠰᠠᠨ ᠣᠯᠠᠨ ᠲᠦᠮᠡᠨ ᠢ ᠰᠢᠯᠵᠢᠭᠦᠯᠦᠨ ᠲᠦᠪᠬᠢᠨᠡᠭᠦᠯᠬᠦ ᠠᠵᠢᠯ ᠢ ᠰᠠᠶᠢᠳᠦᠷ ᠬᠢᠵᠣ᠂ | ᠭᠠᠮᠰᠢᠭᠳᠠᠭᠰᠠᠨ ᠣᠯᠠᠨ ᠲᠦᠮᠡᠨ ᠳᠤ ᠲᠣᠰᠠᠯᠠᠮᠵᠢ ᠶᠢᠨ ᠵᠣᠭᠤᠰ ᠪᠣᠳᠠᠰ ᠣᠯᠭᠤᠨ ᠦᠨᠳᠦᠰᠦᠨ ᠠᠮᠢᠳᠣᠷᠠᠯ ᠢ | ᠪᠠᠳᠣᠯᠠᠨ᠎ᠠ᠃ | ᠬᠤᠰᠢᠭᠤᠨ ᠤ ᠣᠷᠴᠢᠨ ᠬᠠᠮᠠᠭᠠᠯᠠᠯᠳᠠ ᠶᠢᠨ ᠲᠣᠪᠴᠢᠶ᠎ᠠ᠄ ᠭᠡᠨᠡᠳᠡᠯ ᠤᠨ ᠲᠣᠬᠠᠢ ᠶᠢᠨ ᠣᠷᠴᠢᠨ ᠢ ᠬᠢᠨᠠᠨ | ᠰᠢᠯᠭᠠᠬᠤ᠂ ᠣᠷᠴᠢᠨ ᠲᠣᠭᠤᠷᠢᠨ ᠢ ᠪᠣᠬᠢᠷᠳᠣᠯ ᠢ ᠡᠵᠡᠮᠰᠢᠬᠦ ᠪᠠ ᠦᠭᠡᠶᠢᠰᠭᠡᠬᠦ ᠶᠢ ᠬᠠᠷᠢᠭᠤᠴᠠᠨ᠂ ᠠᠵᠣ ᠠᠬᠤᠶᠢᠯᠠᠯ | ᠠᠴᠠ ᠭᠡᠨᠡᠳᠡᠯ ᠤᠨ ᠲᠣᠬᠠᠢ ᠶᠢᠨ ᠣᠷᠴᠢᠨ ᠤ ᠪᠣᠵᠠᠷᠳᠣᠯ ᠢ ᠰᠢᠢᠳᠪᠦᠷᠢᠯᠡᠬᠦ ᠶᠢ ᠬᠢᠨᠠᠨ ᠪᠠᠶᠢᠴᠠᠭᠠᠵᠣ᠂ ᠭᠡᠨᠡᠳᠡᠯ ᠤᠨ | ᠲᠣᠬᠠᠢ ᠶᠢᠨ ᠣᠷᠴᠢᠨ ᠢ ᠠᠯᠢ ᠲᠦᠷᠭᠡᠨ ᠢᠶᠠᠷ ᠰᠡᠷᠭᠦᠭᠡᠨ᠎ᠡ᠃ | ᠬᠤᠰᠢᠭᠤᠨ ᠤ ᠴᠠᠭ ᠠᠭᠤᠷ ᠤᠨ ᠲᠣᠪᠴᠢᠶ᠎ᠠ᠄ ᠭᠡᠨᠡᠳᠡᠯ ᠤᠨ ᠲᠣᠬᠠᠢ ᠶᠢᠨ ᠲᠠᠯᠠᠪᠠᠢ ᠶᠢᠨ ᠴᠠᠭ ᠠᠭᠤᠷ ᠤᠨ | ᠮᠡᠳᠡᠭᠡ ᠬᠠᠩᠭᠠᠬᠤ ᠶᠢ ᠬᠠᠷᠢᠭᠤᠴᠠᠨ᠂ ᠭᠡᠨᠡᠳᠡᠯ ᠤᠨ ᠠᠪᠣᠷᠠᠨ ᠲᠣᠰᠠᠯᠠᠯᠳᠠ ᠶᠢᠨ ᠣᠷᠣᠭᠰᠢᠳᠠᠢ ᠶᠠᠪᠣᠭᠳᠠᠬᠤ ᠶᠢ | ᠪᠠᠳᠣᠯᠠᠨ᠎ᠠ᠃ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠄ ᠭᠡᠨᠡᠳᠡᠯ ᠳᠤ ᠣᠴᠠᠷᠠᠭᠰᠠᠳ ᠤᠨ ᠭᠡᠷ ᠪᠦᠯᠢ ᠶᠢᠨ | ᠲᠣᠬᠤᠨᠢᠭᠤᠯᠣᠯᠳᠠ ᠪᠣᠯᠣᠨ ᠬᠤᠶᠢᠰᠢᠳᠠ ᠶᠢᠨ ᠶᠠᠪᠣᠳᠠᠯ ᠢ ᠲᠦᠪᠬᠢᠨᠡᠭᠦᠯᠬᠦ ᠠᠵᠢᠯ ᠢ ᠰᠠᠶᠢᠳᠦᠷ ᠬᠢᠵᠣ᠂ ᠭᠡᠨᠡᠳᠡᠯ ᠤᠨ | ᠠᠶᠣᠯ ᠠᠴᠠ ᠠᠪᠣᠷᠠᠬᠤ ᠪᠠ ᠪᠠᠶᠢᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠨ᠎ᠠ᠃ | ᠬᠤᠰᠢᠭᠤᠨ ᠤ ᠲᠣᠳᠣᠭᠠᠳᠦ ᠶᠢ ᠬᠠᠮᠠᠭᠠᠯᠠᠬᠤ ᠭᠠᠯ ᠣᠨᠳᠠᠷᠭᠠᠬᠤ ᠶᠡᠭᠡ ᠠᠩᠬᠢ᠄ ᠭᠠᠯ ᠤᠨ ᠠᠶᠣᠯ᠂ | ᠠᠶᠣᠯᠳᠠᠢ ᠬᠢᠮᠢ ᠶᠢᠨ ᠪᠣᠳᠠᠰ ᠤᠨ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠡ ᠶᠢ ᠵᠣᠬᠢᠶᠠᠨ | ᠪᠠᠶᠢᠭᠤᠯᠣᠨ ᠵᠢᠯᠣᠭᠤᠳᠬᠤ ᠠᠵᠢᠯ ᠢ ᠬᠠᠷᠢᠭᠤᠴᠠᠨ᠂ ᠭᠠᠯ ᠤᠨ ᠠᠶᠣᠯ ᠤᠨ ᠭᠡᠨᠡᠳᠡᠯ ᠤᠨ ᠪᠠᠶᠢᠴᠠᠭᠠᠯᠳᠡ ᠶᠢ | ᠬᠠᠷᠢᠭᠤᠴᠠᠵᠣ᠂ ᠠᠶᠣᠯᠳᠠᠢ ᠬᠢᠮᠢ ᠶᠢᠨ ᠪᠣᠳᠠᠰ ᠤᠨ ᠭᠡᠨᠡᠳᠡᠯ ᠤᠨ ᠪᠠᠶᠢᠴᠠᠭᠠᠯᠳᠠ ᠳᠤ ᠣᠷᠣᠯᠴᠠᠨ᠎ᠠ᠃ | ︵ᠬᠤᠶᠠᠷ︶ ᠵᠢᠯᠣᠭᠤᠳᠬᠤ ᠬᠡᠯᠳᠡᠰ ᠲᠤ ᠠᠯᠪᠠᠨ ᠭᠡᠷ᠂ ᠠᠶᠣᠯ ᠠᠴᠠ ᠠᠪᠣᠷᠠᠬᠤ ᠲᠣᠭᠤᠶᠢᠯᠠᠩ᠂ ᠡᠮᠴᠢᠯᠡᠭᠡᠨ | ᠤ ᠠᠪᠣᠷᠠᠯᠳᠠ ᠶᠢᠨ ᠲᠣᠭᠤᠶᠢᠯᠠᠩ᠂ ᠰᠣᠨᠢᠨ ᠮᠡᠳᠡᠭᠡ ᠨᠡᠶᠢᠳᠡᠯᠡᠬᠦ ᠲᠣᠭᠤᠶᠢᠯᠠᠩ ᠪᠣᠯᠣᠨ ᠡᠳ᠋ ᠪᠣᠳᠠᠰ ᠤᠨ ᠪᠠᠳᠣᠯᠠᠭ᠎ᠠ | ᠶᠢᠨ ᠲᠣᠭᠤᠶᠢᠯᠠᠩ ᠲᠣᠬᠢᠷᠠᠭᠤᠯᠣᠨ᠎ᠠ᠃ | 1. ᠠᠯᠪᠠᠨ ᠭᠡᠷ | ᠡᠷᠬᠢᠯᠡᠭᠴᠢ᠄ ᠬᠤᠰᠢᠭᠤᠨ ᠤ ᠠᠶᠣᠯᠬᠦᠢ ᠣᠶᠢᠯᠠᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶᠠᠨ | ᠲᠠᠷᠤᠭ᠎ᠠ | ᠭᠡᠰᠢᠭᠦᠳ᠄ ᠬᠤᠰᠢᠭᠤᠨ ᠤ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ | ᠵᠡᠷᠭᠡ ᠬᠤᠰᠢᠭᠤᠨ ᠤ ᠡᠯ᠎ᠡ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ | ᠭᠡᠨᠡᠳᠡᠯ ᠭᠠᠷᠣᠭᠰᠠᠨ ᠪᠠᠯᠭᠠᠰᠣᠨ ᠤ ᠵᠠᠰᠠᠭ ᠵᠠᠬᠢᠷᠭᠠᠨ ᠤ ᠭᠤᠣᠯ ᠬᠠᠷᠢᠭᠤᠴᠠᠯᠭᠠᠳᠠᠨ᠃ | ᠡᠭᠦᠷᠭᠡ ᠬᠠᠷᠢᠭᠤᠴᠠᠯᠭ᠎ᠠ᠄ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠡᠳᠦᠷ ᠲᠣᠳᠣᠮ | ᠤᠨ ᠠᠵᠢᠯ ᠢ ᠬᠠᠷᠢᠭᠤᠴᠠᠵᠣ᠂ ᠵᠢᠯᠣᠭᠤᠳᠬᠤ ᠬᠡᠯᠳᠡᠰ ᠤᠨ ᠡᠯ᠎ᠡ ᠲᠣᠭᠤᠶᠢᠯᠠᠩ ᠢ ᠵᠣᠬᠢᠴᠠᠭᠤᠯᠣᠨ ᠵᠢᠯᠣᠭᠤᠳᠴᠦ | ᠠᠵᠢᠯ ᠦᠷᠨᠢᠭᠦᠯᠦᠨ᠎ᠡ᠃ | 2. ᠠᠶᠣᠯ ᠠᠴᠠ ᠠᠪᠣᠷᠠᠬᠤ ᠲᠣᠭᠤᠶᠢᠯᠠᠩ᠄ | ᠲᠣᠭᠤᠶᠢᠯᠠᠩ ᠤᠨ ᠲᠠᠷᠤᠭ᠎ᠠ᠄ ᠭᠡᠨᠡᠳᠡᠯ ᠭᠠᠷᠣᠭᠰᠠᠨ ᠠᠵᠣ ᠠᠬᠤᠶᠢᠯᠠᠯ ᠤᠨ ᠬᠠᠮᠢᠶᠠᠷᠣᠯᠳᠠ ᠶᠢᠨ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ | ᠭᠡᠰᠢᠭᠦᠳ᠄ ᠭᠡᠨᠡᠳᠡᠯ ᠭᠠᠷᠣᠭᠰᠠᠨ ᠭᠠᠵᠠᠷ ᠣᠷᠣᠨ ᠤ ᠬᠤᠪᠢᠳᠠᠨ ᠬᠠᠮᠢᠶᠠᠷᠬᠤ ᠵᠠᠰᠠᠭ ᠵᠠᠬᠢᠷᠭᠠᠨ ᠤ | ᠬᠠᠷᠢᠭᠤᠴᠠᠯᠭᠠᠳᠠᠨ᠂ ᠬᠤᠯᠪᠣᠭᠳᠠᠯ ᠪᠦᠬᠦᠢ ᠠᠪᠣᠷᠠᠨ ᠲᠣᠰᠠᠯᠠᠬᠤ ᠡᠩᠨᠡᠭᠡᠨ ᠤ ᠬᠠᠷᠢᠭᠤᠴᠠᠯᠭᠠᠳᠠᠨ᠃ | ᠡᠭᠦᠷᠭᠡ ᠬᠠᠷᠢᠭᠤᠴᠠᠯᠭ᠎ᠠ᠄ ᠭᠡᠨᠡᠳᠡᠯ ᠳᠤ ᠣᠴᠠᠷᠠᠭᠰᠠᠳ ᠢ ᠠᠪᠣᠷᠠᠨ ᠠᠶᠣᠯ ᠤᠨ ᠡᠬᠢ ᠶᠢ ᠣᠰᠬᠠᠳᠬᠠᠵᠣ᠂ | ᠭᠡᠨᠡᠳᠡᠯ ᠦᠷᠭᠡᠳᠬᠦ ᠠᠴᠠ ᠰᠡᠷᠭᠡᠶᠢᠯᠡᠨ ᠭᠡᠨᠡᠳᠡᠯ ᠤᠨ ᠲᠣᠬᠠᠢ ᠶᠢᠨ ᠲᠠᠯᠠᠪᠠᠢ ᠶᠢᠨ ᠡᠮᠬᠢ ᠲᠢᠭᠯᠢᠮ ᠢ ᠬᠠᠮᠠᠭᠠᠯᠠᠨ᠎ᠠ᠃ | 3. ᠡᠮᠴᠢᠯᠡᠭᠡᠨ ᠤ ᠠᠪᠣᠷᠠᠨ ᠲᠣᠰᠠᠯᠠᠬᠤ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠡᠷᠡᠭᠦᠯ ᠬᠠᠮᠠᠭᠠᠯᠠᠯ ᠪᠠ ᠲᠦᠯᠦᠪᠯᠡᠭᠡᠳᠦ ᠭᠦᠩᠭᠡᠵᠢᠯ ᠤᠨ ᠲᠣᠪᠴᠢᠶᠠᠨ ᠲᠠᠷᠤᠭ᠎ᠠ | ᠭᠡᠰᠢᠭᠦᠳ᠄ ᠡᠯ᠎ᠡ ᠭᠠᠵᠠᠷ ᠤᠨ ᠬᠤᠪᠢᠳᠠᠨ ᠬᠠᠮᠢᠶᠠᠷᠬᠤ ᠵᠠᠰᠠᠭ ᠵᠠᠬᠢᠷᠭᠠᠨ ᠤ ᠬᠠᠷᠢᠭᠤᠴᠠᠯᠭᠠᠳᠠᠨ᠃ | ᠡᠭᠦᠷᠭᠡ ᠬᠠᠷᠢᠭᠤᠴᠠᠯᠭ᠎ᠠ᠄ ᠭᠡᠨᠡᠳᠡᠯ ᠭᠠᠷᠣᠭᠰᠠᠨ ᠭᠠᠵᠠᠷ ᠤᠨ ᠡᠮᠴᠢᠯᠡᠭᠡᠨ ᠤ ᠠᠪᠣᠷᠠᠨ ᠲᠣᠰᠠᠯᠠᠯᠳᠠ ᠶᠢᠨ | ᠪᠠᠶᠢᠭᠤᠯᠣᠮᠵᠢ ᠶᠢ ᠵᠣᠬᠢᠶᠠᠨ ᠪᠠᠶᠢᠭᠤᠯᠣᠨ ᠠᠪᠣᠷᠠᠯᠳᠠ ᠬᠢᠵᠣ᠂ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠠᠪᠣᠷᠠᠨ | ᠲᠣᠰᠠᠯᠠᠯᠳᠠ ᠶᠢᠨ ᠡᠩᠨᠡᠭᠡ ᠶᠢ ᠵᠣᠬᠢᠶᠠᠨ ᠪᠠᠶᠢᠭᠤᠯᠵᠣ᠂ ᠡᠯ᠎ᠡ ᠲᠦᠷᠦᠯ ᠤᠨ ᠣᠶᠢᠯᠠᠳᠪᠦᠷᠢᠯᠡᠯ ᠤᠨ ᠭᠡᠨᠡᠳᠡᠯ | ᠰᠢᠷᠬᠠᠳᠣᠯ ᠤᠨ ᠣᠨᠴᠠᠯᠢᠭ ᠢ ᠰᠣᠳᠣᠯᠣᠨ ᠵᠠᠳᠠᠯᠠᠵᠣ᠂ ᠡᠯ᠎ᠡ ᠲᠦᠷᠦᠯ ᠤᠨ ᠣᠶᠢᠯᠠᠳᠪᠦᠷᠢᠯᠠᠯ ᠤᠨ ᠭᠡᠨᠡᠳᠡᠯ ᠤᠨ | ᠡᠮᠴᠢᠯᠡᠭᠡᠨ ᠤ ᠠᠪᠣᠷᠠᠯᠳᠠ ᠶᠢᠨ ᠲᠦᠰᠦᠯ ᠢ ᠲᠣᠭᠳᠠᠭᠠᠨ᠎ᠠ᠃ | 4. ᠰᠣᠨᠢᠨ ᠮᠡᠳᠡᠭᠡ ᠨᠡᠶᠢᠳᠡᠯᠡᠬᠦ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠤᠨ ᠬᠤᠪᠢᠳᠠᠨ | ᠬᠠᠮᠢᠶᠠᠷᠬᠤ ᠲᠡᠳ᠋ ᠬᠡᠯᠳᠡᠰ ᠤᠨ ᠲᠠᠷᠤᠭ᠎ᠠ | ᠭᠡᠰᠢᠭᠦᠳ᠄ ᠡᠯ᠎ᠡ ᠪᠠᠯᠭᠠᠰᠣᠨ ᠤ ᠨᠠᠮ ᠤᠨ ᠬᠤᠷᠢᠶ᠎ᠠ ᠶᠢᠨ ᠣᠬᠠᠭᠤᠯᠭ᠎ᠠ ᠶᠢᠨ ᠭᠤᠣᠯ ᠬᠠᠷᠢᠭᠤᠴᠠᠯᠭᠠᠳᠠᠨ᠃ | ᠡᠭᠦᠷᠭᠡ ᠬᠠᠷᠢᠭᠤᠴᠠᠯᠭ᠎ᠠ᠄ ᠭᠡᠨᠡᠳᠡᠯ ᠤᠨ ᠲᠣᠬᠠᠢ ᠶᠢᠨ ᠲᠠᠯᠠᠪᠠᠢ ᠶᠢᠨ ᠮᠡᠳᠡᠭᠡ ᠵᠠᠩᠬᠢ ᠶᠢ ᠴᠣᠭᠯᠠᠭᠤᠯᠣᠨ᠂ | ᠴᠠᠭ ᠲᠣᠬᠠᠢ ᠳᠤᠨᠢ ᠰᠣᠨᠢᠨ ᠮᠡᠳᠡᠭᠡ ᠨᠡᠶᠢᠳᠡᠯᠡᠨ᠎ᠠ᠃ | 5. ᠡᠳ᠋ ᠪᠣᠳᠠᠰ ᠤᠨ ᠪᠠᠳᠣᠯᠠᠭ᠎ᠠ ᠶᠢᠨ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠲᠡᠳ᠋ | ᠬᠤᠰᠢᠭᠤ ᠲᠠᠷᠤᠭ᠎ᠠ | ᠭᠡᠰᠢᠭᠦᠳ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠲᠠᠷᠤᠭ᠎ᠠ᠂ ᠬᠤᠰᠢᠭᠤᠨ ᠤ ᠠᠷᠠᠳ ᠤᠨ | ᠶᠠᠪᠣᠳᠠᠯ ᠤᠨ ᠲᠣᠪᠴᠢᠶᠠᠨ ᠲᠠᠷᠤᠭ᠎ᠠ᠃ | ᠡᠭᠦᠷᠭᠡ ᠬᠠᠷᠢᠭᠤᠴᠠᠯᠭ᠎ᠠ᠄ ᠪᠠᠴᠢᠮ ᠢ ᠠᠷᠭᠠᠴᠠᠬᠤ ᠠᠪᠣᠷᠠᠯᠳᠠ ᠶᠢᠨ ᠡᠳ᠋ ᠪᠣᠳᠠᠰ ᠢ ᠪᠠᠳᠣᠯᠠᠨ᠎ᠠ᠃ | ᠭᠤᠷᠪᠠ᠂ ᠣᠷᠢᠳᠴᠢᠯᠠᠨ ᠰᠡᠷᠭᠡᠶᠢᠯᠡᠬᠦ ᠪᠠ ᠣᠷᠢᠳᠴᠢᠯᠠᠨ ᠰᠡᠷᠡᠮᠵᠢᠯᠡᠭᠦᠯᠬᠦ | ︵ᠨᠢᠭᠡ︶ ᠠᠶᠣᠯ ᠤᠨ ᠡᠬᠢ ᠶᠢ ᠡᠷᠬᠡᠰᠢᠶᠡᠬᠦ ᠪᠠ ᠲᠠᠯᠳᠠ ᠭᠡᠮ ᠢ ᠪᠠᠶᠢᠴᠠᠭᠠᠬᠤ᠃ ᠡᠯ᠎ᠡ ᠱᠠᠳᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠠᠶᠣᠯ ᠤᠨ ᠡᠬᠢ ᠶᠢ ᠡᠷᠬᠡᠰᠢᠶᠡᠬᠦ ᠪᠠ ᠲᠠᠯᠳᠠ ᠭᠡᠮ ᠢ ᠪᠠᠶᠢᠴᠠᠭᠠᠬᠤ ᠠᠵᠢᠯ | ᠢ ᠰᠠᠶᠢᠳᠦᠷ ᠬᠢᠨ᠂ ᠠᠶᠣᠯ ᠤᠨ ᠡᠬᠢ ᠡᠷᠬᠡᠰᠢᠶᠡᠬᠦ ᠪᠠ ᠲᠠᠯᠳᠠ ᠭᠡᠮ ᠢ ᠪᠠᠶᠢᠴᠠᠭᠠᠬᠤ ᠲᠠᠭᠠᠭᠠᠮᠠᠭᠠᠢ ᠵᠠᠰᠠᠯᠳᠠ ᠶᠢᠨ | ᠲᠣᠭᠳᠠᠴᠠ ᠶᠢ ᠪᠠᠶᠢᠭᠤᠯᠵᠣ᠂ ᠠᠶᠣᠯ ᠤᠨ ᠡᠬᠢ ᠶᠢ ᠡᠷᠬᠡᠰᠢᠶᠡᠬᠦ ᠪᠠ ᠲᠠᠯᠳᠠ ᠭᠡᠮ ᠢ ᠪᠠᠶᠢᠴᠠᠭᠠᠬᠤ ᠲᠦᠷᠢᠮ ᠢ | ᠲᠡᠭᠦᠯᠳᠡᠷᠵᠢᠭᠦᠯᠣᠨ ᠠᠶᠣᠯᠭᠦᠢ ᠣᠶᠢᠠᠯᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ | ᠴᠢᠩᠭᠠᠳᠬᠠᠵᠣ᠂ ᠠᠶᠣᠯ ᠤᠨ ᠲᠠᠯᠳᠠ ᠭᠡᠮ ᠤᠨ ᠪᠠᠶᠢᠴᠠᠭᠠᠯᠳᠠ ᠦᠷᠨᠢᠭᠦᠯᠦᠨ᠂ ᠠᠷᠭ᠎ᠠ ᠠᠪᠴᠠᠯ᠂ ᠡᠭᠦᠷᠭᠡ | ᠬᠠᠷᠢᠭᠤᠴᠠᠯᠭ᠎ᠠ᠂ ᠪᠡᠯᠡ ᠮᠦᠩᠭᠦ ᠪᠣᠯᠣᠨ ᠬᠤᠭᠤᠴᠠᠭ᠎ᠠ ᠬᠢᠵᠠᠭᠠᠷᠯᠠᠯ ︽ᠲᠦᠷᠪᠡ ᠶᠢ ᠣᠷᠣᠨᠵᠢᠭᠤᠯᠬᠤ︾ ᠶᠢ | ᠪᠡᠶᠡᠯᠡᠭᠦᠯᠦᠨ᠎ᠡ᠃ ᠣᠯᠵᠣ ᠮᠡᠳᠡᠭᠰᠠᠨ ᠠᠶᠣᠯ ᠤᠨ ᠡᠬᠢ ᠪᠠ ᠲᠠᠯᠳᠠ ᠭᠡᠮ ᠢ ᠴᠢᠬᠤᠯᠠᠴᠢᠯᠠᠨ ᠡᠵᠡᠮᠳᠡᠨ ᠬᠠᠮᠢᠶᠠᠷᠴᠦ᠂ | ᠠᠶᠣᠯᠭᠦᠢ ᠣᠶᠢᠯᠠᠳᠪᠦᠷᠢᠯᠡᠯ ᠤᠨ ᠠᠵᠢᠯ ᠤᠨ ᠪᠠᠶᠢᠳᠠᠯ ᠢ ᠬᠢᠨᠠᠨ ᠡᠵᠡᠮᠰᠢᠬᠦ᠂ ᠣᠷᠢᠳᠴᠢᠯᠠᠨ ᠰᠡᠷᠡᠮᠵᠢᠯᠡᠬᠦᠯᠬᠦ ᠪᠠ | ᠣᠷᠢᠳᠴᠢᠯᠠᠨ ᠮᠡᠳᠡᠭᠡᠯᠡᠬᠦ ᠲᠣᠭᠳᠠᠯᠴᠠᠭ᠎ᠠ ᠶᠢ ᠪᠠᠶᠢᠭᠤᠯᠵᠣ᠂ ᠠᠶᠣᠯᠭᠦᠢ ᠣᠶᠢᠯᠠᠳᠪᠦᠷᠢᠯᠡᠯ ᠠᠵᠢᠯ ᠤᠨ ᠲᠦᠭᠰᠢᠭᠦᠷᠢ | ᠳᠤ ᠲᠣᠭᠳᠠᠮᠠᠯ ᠬᠤᠭᠤᠴᠠᠭ᠎ᠠ ᠲᠠᠢ ᠵᠠᠳᠠᠯᠣᠯᠳᠠ ᠬᠢᠨ᠂ ᠭᠡᠨᠡᠳᠡᠯ ᠤᠨ ᠰᠢᠨᠵᠢ ᠲᠡᠮᠳᠡᠭ ᠢ ᠣᠯᠵᠣ ᠮᠡᠳᠡᠪᠡᠯ ᠲᠠᠷᠦᠢ | ᠲᠦᠷᠭᠡᠨ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠨᠡᠶᠢᠳᠡᠯᠡᠨ᠂ ᠰᠡᠷᠭᠡᠶᠢᠯᠡᠬᠦ ᠪᠠ ᠪᠠᠴᠢᠮ ᠢ ᠠᠷᠭᠠᠴᠠᠨ | ᠰᠢᠢᠳᠪᠦᠷᠢᠯᠡᠬᠦ ᠠᠷᠭ᠎ᠠ ᠠᠪᠴᠠᠯ ᠢ ᠨᠠᠶᠢᠳᠠᠪᠦᠷᠢᠵᠢᠭᠤᠯᠣᠨ᠎ᠠ᠃ | ︵ᠬᠤᠶᠠᠷ︶ ᠣᠷᠢᠳᠴᠢᠯᠠᠭᠰᠠᠨ ᠰᠡᠷᠡᠮᠵᠢᠭᠦᠯᠦᠯᠳᠡ ᠨᠠᠶᠢᠳᠡᠯᠡᠬᠦ᠃ ᠭᠠᠷᠬᠤ ᠪᠣᠯᠣᠯᠴᠠᠭ᠎ᠠ ᠲᠠᠢ ᠣᠶᠢᠯᠠᠳᠪᠦᠷᠢᠯᠡᠯ | ᠤᠨ ᠭᠡᠨᠡᠳᠡᠯ ᠤᠨ ᠪᠠᠴᠢᠮ ᠤᠨ ᠬᠡᠮᠵᠢᠶ᠎ᠡ᠂ ᠬᠦᠭᠵᠢᠯ ᠤᠨ ᠬᠠᠨᠳᠣᠰᠢ ᠪᠣᠯᠣᠨ ᠠᠶᠣᠯ ᠤᠨ ᠬᠡᠮᠵᠢᠶ᠎ᠡ ᠶᠢ ᠦᠨᠳᠦᠰᠦᠯᠡᠨ | ᠭᠡᠨᠡᠳᠡᠯ ᠤᠨ ᠣᠷᠢᠳᠴᠢᠯᠡᠨ ᠰᠡᠷᠡᠮᠵᠢᠯᠡᠭᠦᠯᠬᠦ ᠲᠡᠰ ᠢ ᠲᠡᠭᠡᠷ᠎ᠡ ᠠᠴᠠ ᠲᠣᠷᠣᠭᠰᠢ Ⅰ ᠲᠡᠰ Ⅱ ᠲᠡᠰ Ⅲ ᠲᠡᠰ | ᠪᠣᠯᠣᠨ Ⅳ ᠲᠡᠰ ᠲᠦᠷᠪᠡᠨ ᠲᠡᠰ ᠬᠤᠪᠢᠶᠠᠨ᠎ᠠ᠃ ᠭᠡᠨᠡᠳᠡᠯ ᠭᠠᠷᠣᠭᠰᠠᠨ ᠪᠠᠶᠢᠳᠠᠯ ᠪᠣᠯᠣᠨ ᠠᠪᠣᠭᠰᠠᠨ ᠠᠷᠭ᠎ᠠ | ᠬᠡᠮᠵᠢᠶ᠎ᠠ ᠶᠢᠨ ᠦᠷ᠎ᠡ ᠳ᠋ᠦᠩ ᠢ ᠦᠨᠳᠦᠰᠦᠯᠡᠨ ᠲᠡᠰ ᠲᠡᠭᠡᠭᠰᠢᠯᠡᠬᠦᠯᠬᠦ᠂ ᠲᠡᠰ ᠪᠠᠭᠤᠷᠠᠭᠤᠯᠬᠤ ᠪᠣᠶᠣ ᠬᠦᠴᠦᠨ ᠦᠭᠡᠢ | ᠪᠣᠯᠭᠠᠨ᠎ᠠ᠃ ᠭᠡᠨᠡᠳᠡᠯ ᠤᠨ ᠣᠷᠢᠳᠴᠢᠯᠠᠭᠰᠠᠨ ᠰᠡᠷᠡᠮᠵᠢᠯᠡᠭᠦᠯᠦᠯᠳᠡ ᠶᠢ ᠦᠨᠳᠦᠰᠦᠯᠡᠨ ᠡᠷᠳᠡ ᠮᠡᠳᠡᠵᠣ᠂ ᠡᠷᠳᠡ | ᠮᠡᠳᠡᠭᠦᠯᠦᠨ᠂ ᠡᠷᠳᠡ ᠰᠢᠢᠳᠪᠦᠷᠢᠯᠡᠬᠦ ᠵᠠᠷᠴᠢᠮ ᠶᠣᠰᠣᠭᠠᠷ᠂ ᠭᠡᠨᠡᠳᠡᠯ ᠤᠨ ᠠᠶᠣᠯ ᠲᠠᠢ ᠠᠵᠣ ᠠᠬᠤᠶᠢᠯᠠᠯ ᠠᠶᠣᠯ ᠤᠨ | ᠪᠠᠶᠢᠳᠠᠯ ᠢ ᠲᠠᠷᠦᠢ ᠲᠦᠷᠭᠡᠨ ᠲᠡᠭᠡᠳᠦ ᠱᠠᠳᠣᠨ ᠳᠤ ᠮᠡᠳᠡᠭᠦᠯᠦᠨ᠎ᠡ ︵ᠪᠠᠴᠢᠮ ᠪᠠᠶᠢᠳᠠᠯ ᠲᠣᠣᠷ᠎ᠠ ᠱᠠᠳᠦ ᠠᠯᠣᠰᠯᠠᠨ | ᠲᠡᠭᠡᠭᠰᠢ ᠮᠡᠳᠡᠭᠦᠯᠵᠣ ᠪᠣᠯᠣᠨ᠎ᠠ᠂ ᠬᠡᠪᠡᠴᠦ ᠱᠠᠳᠦ ᠠᠯᠣᠰᠯᠠᠭᠰᠠᠨ ᠰᠠᠯᠠᠭ᠎ᠠ ᠮᠦᠴᠢᠷ ᠪᠣᠯᠣᠨ ᠪᠠᠶᠢᠭᠤᠯᠭ᠎ᠠ ᠳᠤ | ᠡᠷᠬᠡᠪᠰᠢ ᠬᠠᠭᠤᠯᠣᠨ ᠬᠦᠷᠭᠡᠨ᠎ᠡ︶᠃ ᠭᠡᠨᠡᠳᠡᠯ ᠤᠨ ᠠᠶᠣᠯ ᠲᠠᠢ ᠠᠵᠣ ᠠᠬᠤᠶᠢᠯᠠᠯ ᠤᠨ ᠮᠡᠳᠡᠭᠦᠯᠦᠭᠰᠡᠨ ᠪᠠᠶᠢᠳᠠᠯ ᠢ | ᠦᠨᠳᠦᠰᠦᠯᠡᠨ ᠭᠡᠨᠡᠳᠡᠯ ᠤᠨ ᠠᠶᠣᠯ ᠲᠠᠢ ᠭᠠᠵᠠᠷ ᠣᠷᠣᠨ ᠣᠷᠢᠳᠴᠢᠯᠠᠭᠰᠠᠨ ᠰᠡᠷᠡᠮᠵᠢᠯᠡᠭᠦᠯᠦᠯᠳᠡ ᠶᠢᠨ ᠪᠠᠶᠢᠳᠠᠯ ᠳᠤ | ᠣᠷᠣᠵᠣ᠂ ᠬᠤᠰᠢᠭᠤ ᠵᠠᠰᠠᠭ ᠤᠨ ᠣᠷᠳᠣᠨ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠪᠡᠯᠡᠳᠬᠡᠯ ᠠᠵᠢᠯ ᠢ ᠰᠠᠶᠢᠳᠦᠷ ᠬᠢᠨ᠎ᠡ᠃ | Ⅰ ᠲᠡᠰ Ⅱ ᠲᠡᠰ ᠤᠨ ᠣᠷᠢᠳᠴᠢᠯᠠᠭᠰᠠᠨ ᠰᠡᠷᠡᠮᠵᠢ᠄ ᠣᠨᠴᠠ ᠬᠦᠨᠳᠦ ᠶᠡᠭᠡ᠂ ᠬᠦᠨᠳᠦ ᠶᠡᠭᠡ | ᠣᠶᠢᠯᠠᠳᠪᠦᠷᠢᠯᠡᠯ ᠤᠨ ᠭᠡᠨᠡᠳᠡᠯ ᠳᠤ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠳᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠨᠡᠶᠢᠳᠡᠯᠡᠨ᠎ᠡ᠃ | Ⅲ ᠲᠡᠰ ᠤᠨ ᠣᠷᠢᠳᠴᠢᠯᠠᠭᠰᠠᠨ ᠰᠡᠷᠡᠮᠵᠢ᠄ ᠨᠡᠯᠢᠶᠡᠳ ᠶᠡᠭᠡ ᠣᠶᠢᠯᠠᠳᠪᠦᠷᠢᠯᠡᠯ ᠤᠨ ᠭᠡᠨᠡᠳᠡᠯ ᠳᠤ ᠬᠤᠳᠠ | ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠳᠡᠯᠡᠨ᠎ᠡ᠃ | Ⅳ ᠲᠡᠰ ᠤᠨ ᠣᠷᠢᠳᠴᠢᠯᠠᠭᠰᠠᠨ ᠰᠡᠷᠡᠮᠵᠢ᠄ ᠡᠩ ᠤᠨ ᠣᠶᠢᠯᠠᠳᠪᠦᠷᠢᠯᠡᠯ ᠤᠨ ᠭᠡᠨᠡᠳᠡᠯ ᠳᠤ ᠬᠤᠰᠢᠭᠤ ᠠᠷᠠᠳ | ᠤᠨ ᠵᠠᠰᠠᠭ ᠤᠨ ᠣᠷᠳᠣᠨ ᠠᠴᠠ ᠨᠡᠶᠢᠳᠡᠯᠡᠨ᠎ᠡ᠃ | ᠣᠷᠢᠳᠴᠢᠯᠠᠭᠰᠠᠨ ᠰᠡᠷᠡᠮᠵᠢ ᠨᠡᠶᠢᠳᠡᠯᠡᠬᠦ ᠳᠤ ᠭᠠᠷᠬᠤ ᠪᠣᠯᠣᠯᠴᠠᠭ᠎ᠠ ᠲᠠᠢ ᠣᠶᠢᠯᠠᠳᠪᠦᠷᠢᠯᠡᠯ ᠤᠨ ᠭᠡᠨᠡᠳᠡᠯ ᠤᠨ | ᠲᠦᠷᠦᠯ᠂ ᠣᠷᠢᠳᠴᠢᠯᠠᠭᠰᠠᠨ ᠰᠡᠷᠡᠮᠵᠢ ᠶᠢᠨ ᠲᠡᠰ᠂ ᠬᠤᠭᠤᠴᠠᠭ᠎ᠠ᠂ ᠬᠤᠬᠢᠷᠠᠯ᠂ ᠰᠡᠷᠡᠮᠵᠢᠯᠡᠬᠦᠯᠬᠦ ᠵᠣᠶᠢᠯᠠᠰ᠂ | ᠠᠪᠬᠤ ᠠᠷᠭ᠎ᠠ ᠬᠡᠮᠵᠢᠶ᠎ᠡ ᠪᠣᠯᠣᠨ ᠨᠡᠶᠢᠳᠡᠯᠡᠭᠰᠡᠨ ᠪᠠᠶᠢᠭᠤᠯᠣᠮᠵᠢ ᠵᠡᠷᠭᠡ ᠶᠢ ᠪᠠᠭᠳᠠᠭᠠᠨ᠎ᠠ᠃ ᠣᠷᠢᠳᠴᠢᠯᠠᠭᠰᠠᠨ | ᠰᠡᠷᠡᠮᠵᠢ ᠶᠢᠨ ᠮᠡᠳᠡᠭᠡ ᠶᠢ ᠲᠧᠯᠸᠢᠰ᠂ ᠷᠠᠳᠢᠣ᠋᠂ ᠰᠦᠯᠵᠢᠶ᠎ᠡ ᠪᠣᠯᠣᠨ ᠳ᠋ᠢᠶᠠᠩᠬᠤᠸᠠ ᠵᠡᠷᠭᠡ ᠪᠠᠷ ᠲᠠᠮᠵᠢᠭᠤᠯᠣᠨ | ᠨᠡᠶᠢᠳᠡᠯᠡᠨ᠎ᠡ᠃ | ᠲᠦᠷᠪᠡ᠂ ᠪᠠᠴᠢᠮ ᠢ ᠠᠷᠭᠠᠴᠠᠬᠤ | ︵ᠨᠢᠭᠡ︶ ᠪᠠᠴᠢᠮ ᠢ ᠠᠷᠭᠠᠴᠠᠬᠤ ᠲᠡᠰ ᠬᠤᠪᠢᠶᠠᠬᠤ᠃ ᠭᠠᠷᠣᠭᠰᠠᠨ ᠭᠡᠨᠡᠳᠡᠯ ᠤᠨ ᠬᠤᠬᠢᠷᠠᠯ ᠤᠨ ᠬᠡᠮᠵᠢᠶ᠎ᠡ᠂ | ᠨᠦᠯᠦᠭᠡᠯᠡᠭᠰᠡᠨ ᠬᠦᠷᠢᠶ᠎ᠡ ᠬᠡᠪᠴᠢᠶ᠎ᠠ ᠪᠣᠯᠣᠨ ᠭᠡᠨᠡᠳᠡᠯ ᠰᠢᠢᠳᠪᠦᠷᠢᠯᠡᠬᠦ ᠴᠢᠳᠠᠪᠬᠢ ᠵᠡᠷᠭᠡ ᠶᠢ ᠦᠨᠳᠦᠰᠦᠯᠡᠨ | ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ ᠶᠢ ᠲᠦᠷᠪᠡᠨ ᠲᠡᠰ ᠬᠤᠪᠢᠶᠠᠨ᠎ᠠ᠃ Ⅰ ᠲᠡᠰ ᠣᠨᠴᠠ | ᠬᠦᠨᠳᠦ ᠶᠡᠭᠡ ᠭᠡᠨᠡᠳᠡᠯ ᠤᠨ ᠪᠠᠴᠢᠮ ᠢ ᠠᠷᠭᠠᠴᠠᠬᠤ᠂ Ⅱ ᠲᠡᠰ ᠬᠦᠨᠳᠦ ᠶᠡᠭᠡ ᠭᠡᠨᠡᠳᠡᠯ ᠤᠨ ᠪᠠᠴᠢᠮ ᠤᠨ | ᠠᠷᠭᠠᠴᠠᠬᠤ᠂ Ⅲ ᠲᠡᠰ ᠨᠡᠯᠢᠶᠡᠳ ᠶᠡᠭᠡ ᠭᠡᠨᠡᠳᠡᠯ ᠤᠨ ᠪᠠᠴᠢᠮ ᠢ ᠠᠷᠭᠠᠴᠠᠬᠤ᠂ Ⅳ ᠲᠡᠰ ᠡᠩ ᠤᠨ ᠭᠡᠨᠡᠳᠡᠯ ᠤᠨ | ᠪᠠᠴᠢᠮ ᠢ ᠠᠷᠭᠠᠴᠠᠬᠤ᠃ ᠭᠡᠨᠡᠳᠡᠯ ᠤᠨ ᠣᠷᠢᠳᠴᠢᠯᠠᠨ ᠰᠡᠷᠡᠮᠵᠢᠯᠡᠬᠦᠯᠬᠦ ᠲᠡᠰ ᠢ ᠦᠨᠳᠦᠰᠦᠯᠡᠨ ᠪᠠᠴᠢᠮ ᠢ ᠠᠷᠭᠠᠴᠠᠬᠤ | ᠲᠡᠰ ᠢ ᠬᠡᠷᠡᠭᠵᠢᠭᠦᠯᠦᠨ᠂ ᠲᠣᠰ ᠪᠡᠯᠡᠳᠬᠡᠯ ᠲᠦᠰᠦᠪ ᠢ Ⅳ ᠲᠡᠰ ︵ᠪᠠᠭᠳᠠᠭᠠᠨ᠎ᠠ︶ ᠠᠴᠠ ᠲᠡᠭᠡᠭᠰᠢᠬᠢ ᠪᠠᠴᠢᠮ | ᠪᠠᠶᠢᠳᠠᠯ ᠳᠤ ᠬᠡᠷᠡᠭᠵᠢᠭᠦᠯᠦᠨ᠎ᠡ᠃ | ︵ᠬᠤᠶᠠᠷ︶ ᠠᠷᠭᠠᠴᠠᠬᠤ ᠶᠠᠪᠣᠴᠠ | 1. ᠮᠡᠳᠡᠭᠦᠯᠬᠦ | ︵1︶ ᠣᠨᠴᠠ ᠬᠦᠨᠳᠦ ᠶᠡᠭᠡ ︵Ⅰ ᠲᠡᠰ︶᠂ ᠬᠦᠨᠳᠦ ᠶᠡᠭᠡ ︵Ⅱ ᠲᠡᠰ︶ ᠭᠡᠨᠡᠳᠡᠯ ᠭᠠᠷᠣᠭᠰᠠᠨ ᠤ | ᠲᠠᠷᠠᠭ᠎ᠠ ᠭᠡᠨᠡᠳᠡᠯ ᠭᠠᠷᠣᠭᠰᠠᠨ ᠠᠵᠣ ᠠᠬᠤᠶᠢᠯᠠᠯ ᠲᠠᠷᠣᠢ ᠲᠦᠷᠭᠡᠨ ᠭᠡᠨᠡᠳᠡᠯ ᠤᠨ ᠪᠠᠶᠢᠳᠠᠯ ᠢ ᠪᠠᠯᠭᠠᠰᠦ᠂ ᠬᠤᠰᠢᠭᠤᠨ | ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠳᠤ ᠮᠡᠳᠡᠭᠦᠯᠵᠣ᠂ ᠬᠤᠯᠪᠣᠭᠳᠠᠯ ᠪᠦᠬᠦᠢ | ᠪᠠᠯᠭᠠᠰᠦ ᠪᠣᠯᠣᠨ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠭᠡᠨᠡᠳᠡᠯ ᠤᠨ | ᠮᠡᠳᠡᠭᠦᠯᠦᠯᠳᠡ ᠶᠢ ᠬᠦᠯᠢᠶᠡᠭᠰᠡᠨ ᠤ ᠲᠠᠷᠠᠭ᠎ᠠ᠂ ᠲᠠᠷᠦᠢ ᠲᠦᠷᠭᠡᠨ ᠬᠤᠰᠢᠭᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ᠂ ᠬᠠᠮᠤᠭ ᠣᠳᠠᠭᠠᠨ ᠳᠤ ᠪᠠᠨ 1 ᠴᠠᠭ ᠠᠴᠠ ᠬᠡᠳᠦᠷᠡᠵᠣ ᠪᠣᠯᠬᠤ ᠦᠭᠡᠢ᠃ | ︵2︶ ᠨᠡᠯᠢᠶᠡᠳ ᠶᠡᠭᠡ ︵Ⅲ ᠲᠡᠰ︶᠂ ᠡᠩ ᠤᠨ ︵Ⅳ ᠲᠡᠰ︶ ᠭᠡᠨᠡᠳᠡᠯ ᠭᠠᠷᠣᠭᠰᠠᠨ ᠤ ᠲᠠᠷᠠᠭ᠎ᠠ᠂ | ᠭᠡᠨᠡᠳᠡᠯ ᠭᠠᠷᠣᠭᠰᠠᠨ ᠠᠵᠣ ᠠᠬᠤᠶᠢᠯᠠᠯ ᠴᠠᠭ ᠲᠣᠬᠠᠢ ᠳᠤᠨᠢ ᠭᠡᠨᠡᠳᠡᠯ ᠤᠨ ᠪᠠᠶᠢᠳᠠᠯ ᠢ ᠪᠠᠯᠭᠠᠰᠦ᠂ ᠬᠤᠰᠢᠭᠤᠨ ᠤ | ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠳᠤ ᠮᠡᠳᠡᠭᠦᠯᠵᠣ᠂ ᠬᠤᠯᠪᠣᠭᠳᠠᠯ ᠪᠦᠬᠦᠢ ᠪᠠᠯᠭᠠᠰᠦ | ᠪᠣᠯᠣᠨ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠭᠡᠨᠡᠳᠡᠯ ᠤᠨ ᠮᠡᠳᠡᠭᠦᠯᠦᠯᠳᠡ | ᠶᠢ ᠬᠦᠯᠢᠶᠡᠭᠰᠡᠨ ᠤ ᠲᠠᠷᠠᠭ᠎ᠠ᠂ ᠲᠠᠷᠦᠢ ᠲᠦᠷᠭᠡᠨ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠂ | ᠬᠠᠮᠤᠭ ᠣᠳᠠᠭᠠᠨ ᠳᠤ ᠪᠠᠨ 2 ᠴᠠᠭ ᠠᠴᠠ ᠬᠡᠳᠦᠷᠡᠵᠣ ᠪᠣᠯᠬᠤ ᠦᠭᠡᠢ᠃ | ︵3︶ ᠭᠡᠨᠡᠳᠡᠯ ᠤᠨ ᠲᠠᠷᠠᠭ᠎ᠠ᠂ ᠭᠡᠨᠡᠳᠡᠯ ᠤᠨ ᠰᠢᠨᠵᠢ ᠴᠢᠨᠠᠷ᠂ ᠲᠡᠰ ᠢ ᠲᠣᠭᠳᠠᠭᠠᠵᠣ ᠲᠡᠶᠢᠯᠬᠦ ᠦᠭᠡᠢ | ᠦᠶᠡᠰ ᠭᠡᠨᠡᠳᠡᠯ ᠤᠨ ᠬᠦᠭᠵᠢᠯ ᠤᠨ ᠬᠠᠨᠳᠦᠰᠢ ᠶᠢᠨ ᠬᠠᠮᠤᠭ ᠦᠨᠳᠦᠷ ᠲᠡᠰ ᠢᠶᠠᠷ ᠲᠡᠭᠡᠭᠰᠢ ᠮᠡᠳᠡᠭᠦᠯᠦᠨ᠎ᠡ᠃ | ᠭᠡᠨᠡᠳᠡᠯ ᠤᠨ ᠲᠣᠰ ᠪᠡᠶ᠎ᠡ ᠰᠣᠷᠭᠤᠭ ᠪᠣᠶᠣ ᠰᠡᠷᠭᠡᠭ ᠭᠠᠵᠠᠷ ᠣᠷᠣᠨ᠂ ᠰᠡᠷᠭᠡᠭ ᠴᠠᠭ ᠬᠤᠭᠤᠴᠠᠭᠠᠨ ᠳᠤ ᠭᠠᠷᠣᠭᠰᠠᠨ | ᠡᠰᠡᠭᠦᠯ᠎ᠡ ᠬᠦᠭᠵᠢᠯ ᠤᠨ ᠬᠠᠨᠳᠣᠰᠢ ᠨᠢ ᠣᠨᠴᠠ ᠬᠦᠨᠳᠦ ᠶᠡᠭᠡ ᠭᠡᠨᠡᠳᠡᠯ ᠤᠨ ᠪᠣᠯᠣᠮᠵᠢᠳᠠᠢ ᠪᠣᠯ Ⅰ ᠲᠡᠰ᠂ Ⅱ | ᠲᠡᠰ ᠤᠨ ᠭᠡᠨᠡᠳᠡᠯ ᠤᠨ ᠮᠡᠳᠡᠭᠡ ᠪᠠᠷ ᠴᠠᠭ ᠲᠣᠬᠠᠢ ᠳᠤᠨᠢ ᠮᠡᠳᠡᠭᠦᠯᠦᠨ᠎ᠡ᠃ | ︵4︶ ᠣᠨᠴᠠ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠭᠡᠨᠡᠳᠡᠯ ᠭᠠᠷᠣᠭᠰᠠᠨ ᠤ ᠲᠠᠷᠠᠭ᠎ᠠ ᠠᠩᠬ᠎ᠠ | ᠮᠡᠳᠡᠭᠦᠯᠬᠦ᠂ ᠦᠷᠭᠦᠯᠵᠢᠯᠡᠨ ᠮᠡᠳᠡᠭᠦᠯᠬᠦ ᠪᠠ ᠡᠴᠦᠰ ᠤᠨ ᠮᠡᠳᠡᠭᠦᠯᠦᠯᠳᠡ ᠶᠢᠨ ᠬᠡᠯᠪᠡᠷᠢ ᠪᠠᠷ ᠮᠡᠳᠡᠭᠦᠯᠦᠨ᠎ᠡ᠃ ᠭᠡᠨᠡᠳᠡᠯ | ᠤᠨ ᠮᠡᠳᠡᠭᠡ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠳ᠋ᠢᠶᠠᠩᠬᠤᠸᠠ ᠪᠣᠶᠣ ᠹᠠᠺᠰ ᠢᠶᠠᠷ ᠲᠠᠮᠵᠢᠭᠤᠯᠣᠨ | ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠴᠢᠮ ᠢ ᠠᠷᠭᠠᠴᠠᠬᠤ ᠭᠠᠵᠠᠷ ︵0477 — 7622029︶ | ᠪᠣᠶᠣ ᠬᠤᠰᠢᠭᠤᠨ ᠤ ᠠᠶᠣᠯᠭᠦᠢ ᠣᠶᠢᠯᠠᠳᠪᠦᠷᠢᠯᠠᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ︵0477 — | 7629216︶ ᠳᠤ ᠨᠢᠭᠡᠳᠦᠯᠳᠡᠢ ᠮᠡᠳᠡᠭᠦᠯᠦᠨ᠎ᠡ᠃ | 2. ᠪᠠᠴᠢᠮ ᠢ ᠠᠷᠭᠠᠴᠠᠬᠤ ᠰᠢᠢᠳᠪᠦᠷᠢᠯᠡᠯᠳᠡ᠃ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ ᠠᠷᠭᠠᠴᠠᠬᠤ | ᠰᠢᠢᠳᠪᠦᠷᠢᠯᠡᠯᠳᠡ ᠶᠢᠨ ᠶᠠᠪᠣᠴᠠ᠄ ᠭᠡᠨᠡᠳᠡᠯ ᠭᠠᠷᠬᠤ→ ᠭᠡᠨᠡᠳᠡᠯ ᠭᠠᠷᠣᠭᠰᠠᠨ ᠠᠵᠣ ᠠᠬᠤᠶᠢᠯᠠᠯ ᠠᠪᠣᠷᠠᠨ | ᠲᠣᠰᠠᠯᠠᠬᠤ→ ᠬᠤᠰᠢᠭᠤᠨ ᠤ ᠵᠢᠯᠣᠭᠤᠳᠬᠤ ᠭᠠᠵᠠᠷ ᠠᠴᠠ ᠲᠣᠰᠠᠯᠠᠬᠤ→ ᠬᠤᠳᠠ ᠶᠢᠨ ᠵᠢᠯᠣᠭᠤᠳᠬᠤ ᠭᠠᠵᠠᠷ | ᠠᠴᠠ ᠲᠣᠰᠠᠯᠠᠬᠤ→ ᠦᠪᠡᠷᠳᠡᠭᠡᠨ ᠵᠠᠰᠠᠬᠤ ᠣᠷᠣᠨ ᠪᠣᠯᠣᠨ ᠣᠯᠣᠰ ᠤᠨ ᠵᠢᠯᠣᠭᠤᠳᠬᠤ ᠭᠠᠵᠠᠷ ᠠᠴᠠ | ᠲᠣᠰᠠᠯᠠᠬᠤ→ ᠭᠡᠨᠡᠳᠡᠯ ᠤᠨ ᠠᠪᠣᠷᠠᠨ ᠲᠣᠰᠠᠯᠠᠯᠳᠠ ᠲᠠᠭᠤᠰᠬᠤ᠃ | ︵1︶ ᠭᠡᠨᠡᠳᠡᠯ ᠭᠠᠷᠣᠭᠰᠠᠨ ᠲᠠᠷᠠᠭ᠎ᠠ᠂ ᠠᠵᠣ ᠠᠬᠤᠶᠢᠯᠠᠯ ᠲᠠᠷᠦᠢ ᠲᠦᠷᠭᠡᠨ ᠪᠠᠴᠢᠮ ᠢ ᠠᠷᠭᠠᠴᠠᠬᠤ | ᠪᠡᠯᠡᠳᠬᠡᠯ ᠲᠦᠰᠦᠪ ᠢ ᠬᠡᠷᠡᠭᠵᠢᠭᠦᠯᠦᠨ ᠪᠠᠴᠢᠮ ᠢ ᠠᠷᠭᠠᠴᠠᠬᠤ ᠰᠢᠢᠳᠪᠦᠷᠢᠯᠡᠯᠳᠡ ᠶᠠᠪᠣᠭᠳᠠᠭᠤᠯᠵᠣ᠂ ᠠᠮᠣᠷ | ᠲᠦᠪᠰᠢᠨ ᠢ ᠪᠠᠳᠣᠯᠠᠭᠰᠠᠨ ᠣᠷᠢᠳᠠᠯ ᠲᠣᠣᠷ᠎ᠠ ᠠᠶᠣᠯ ᠳᠤ ᠣᠴᠠᠷᠠᠭᠰᠠᠳ ᠢ ᠠᠪᠣᠷᠠᠨ ᠠᠶᠣᠯ ᠤᠨ ᠡᠬᠢ ᠶᠢ | ᠡᠵᠡᠮᠳᠡᠨ᠂ ᠲᠣᠬᠠᠢ ᠶᠢᠨ ᠲᠠᠯᠠᠪᠠᠢ ᠶᠢ ᠪᠢᠳᠡᠭᠦᠮᠵᠢᠯᠡᠵᠣ᠂ ᠰᠣᠬᠤᠷ ᠪᠠᠯᠠᠢ ᠪᠠᠷ ᠠᠪᠣᠷᠠᠯᠳᠠ ᠬᠢᠬᠦ ᠶᠢ ᠲᠡᠪᠴᠢᠨ᠂ | ᠭᠡᠨᠡᠳᠡᠯ ᠤᠨ ᠦᠷᠭᠡᠳᠬᠦ ᠠᠴᠠ ᠰᠡᠷᠭᠡᠶᠢᠯᠡᠬᠦ ᠶᠢᠨ ᠬᠠᠮᠳᠦ ᠭᠡᠨᠡᠳᠡᠯ ᠤᠨ ᠪᠠᠶᠢᠳᠠᠯ ᠢ ᠬᠤᠰᠢᠭᠤᠨ ᠳᠤ ᠮᠡᠳᠡᠭᠦᠯᠦᠨ᠎ᠡ᠃ | ᠭᠡᠨᠡᠳᠡᠯ ᠤᠨ ᠬᠦᠭᠵᠢᠯ ᠤᠨ ᠪᠠᠶᠢᠳᠠᠯ ᠪᠣᠯᠣᠨ ᠨᠦᠯᠦᠭᠡᠯᠡᠭᠰᠡᠨ ᠬᠦᠷᠢᠶ᠎ᠡ ᠬᠡᠪᠴᠢᠶ᠎ᠠ ᠶᠢ ᠦᠨᠳᠦᠰᠦᠯᠡᠨ᠂ ᠬᠤᠰᠢᠭᠤᠨ | ᠠᠴᠠ ᠪᠠᠴᠢᠮ ᠢ ᠠᠷᠭᠠᠴᠠᠬᠤ ᠠᠵᠢᠯ ᠦᠷᠨᠢᠬᠦᠯᠵᠣ᠂ ᠪᠠᠴᠢᠮ ᠢ ᠠᠷᠭᠠᠴᠠᠬᠤ ᠠᠪᠣᠷᠠᠯᠳᠠ ᠶᠢᠨ ᠲᠣᠰᠠᠯᠠᠨ | ᠰᠢᠢᠳᠪᠦᠷᠢᠯᠡᠬᠦ ᠪᠡᠯᠡᠳᠭᠡᠯ ᠢ ᠰᠠᠶᠢᠳᠦᠷ ᠬᠢᠨ᠎ᠠ᠃ | ︵2︶ ᠭᠡᠨᠡᠳᠡᠯ ᠳᠤ ᠪᠦᠳᠦᠮᠵᠢᠳᠠᠢ ᠡᠵᠡᠮᠳᠡᠯ ᠠᠪᠴᠦ ᠲᠡᠶᠢᠯᠦᠭᠰᠡᠨ ᠦᠭᠡᠢ ᠦᠶ᠎ᠡ ᠳᠤ ᠲᠣᠬᠠᠢ ᠶᠢᠨ ᠭᠠᠵᠠᠷ | ᠤᠨ ᠪᠠᠯᠭᠠᠰᠦ ᠲᠠᠷᠦᠢ ᠲᠦᠷᠭᠡᠨ ᠪᠠᠴᠢᠮ ᠢ ᠠᠷᠭᠠᠴᠠᠬᠤ ᠪᠡᠯᠡᠳᠬᠡᠯ ᠲᠦᠰᠦᠪ ᠢ ᠬᠡᠷᠡᠭᠵᠢᠭᠦᠯᠵᠣ᠂ ᠪᠠᠯᠭᠠᠰᠣᠨ ᠤ | ᠵᠠᠰᠠᠭ ᠵᠠᠬᠢᠷᠭᠠᠨ ᠤ ᠲᠠᠷᠤᠭ᠎ᠠ ᠪᠣᠯᠣᠨ ᠠᠪᠣᠷᠠᠨ ᠲᠣᠰᠠᠯᠠᠯᠳᠠ ᠶᠢᠨ ᠠᠩᠬᠢ ᠴᠠᠭ ᠢ ᠵᠠᠪᠳᠣᠨ ᠭᠡᠨᠡᠳᠡᠯ ᠤᠨ ᠲᠠᠯᠠᠪᠠᠢ | ᠳᠤ ᠬᠦᠷᠴᠦ᠂ ᠠᠪᠣᠷᠠᠨ ᠲᠣᠰᠠᠯᠠᠯᠳᠠ ᠶᠢᠨ ᠵᠢᠯᠣᠭᠤᠳᠬᠤ ᠭᠠᠵᠠᠷ ᠪᠠᠶᠢᠭᠤᠯᠣᠨ᠂ ᠪᠠᠴᠢᠮ ᠢ ᠠᠷᠭᠠᠴᠠᠬᠤ ᠠᠪᠣᠷᠠᠯᠳᠠ | ᠶᠢᠨ ᠠᠵᠢᠯ ᠢᠶᠠᠨ ᠡᠬᠢᠯᠡᠬᠦᠯᠦᠨ᠎ᠡ᠃ ᠡᠭᠦᠨ ᠤ ᠬᠠᠮᠳᠦ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠠᠪᠣᠷᠠᠨ | ᠲᠣᠰᠠᠯᠠᠯᠳᠠ ᠶᠢᠨ ᠪᠠᠶᠢᠳᠠᠯ ᠢᠶᠠᠨ ᠮᠡᠳᠡᠭᠦᠯᠦᠨ᠂ ᠬᠤᠰᠢᠭᠤ ᠠᠷᠠᠳ ᠤᠨ ᠵᠠᠰᠠᠭ ᠤᠨ ᠣᠷᠳᠣᠨ ᠪᠠᠴᠢᠮ ᠢ ᠠᠷᠭᠠᠴᠠᠬᠤ | ᠲᠣᠰᠠᠯᠠᠮᠵᠢ ᠶᠢᠨ ᠪᠡᠯᠡᠳᠭᠡᠯ ᠢᠶᠠᠨ ᠰᠠᠶᠢᠳᠦᠷ ᠬᠢᠨ᠎ᠠ᠃ | ︵3︶ ᠬᠡᠷᠪᠡ ᠭᠡᠨᠡᠳᠡᠯ ᠦᠷᠭᠦᠯᠵᠢᠯᠡᠨ ᠬᠦᠭᠵᠢᠪᠡᠯ᠂ ᠬᠤᠰᠢᠭᠤ ᠠᠷᠠᠳ ᠤᠨ ᠵᠠᠰᠠᠭ ᠤᠨ ᠣᠷᠳᠣᠨ ᠪᠠᠴᠢᠮ ᠢ | ᠠᠷᠭᠠᠴᠠᠬᠤ ᠪᠡᠯᠡᠳᠬᠡᠯ ᠲᠦᠰᠦᠪ ᠢᠶᠠᠨ ᠬᠡᠷᠡᠭᠵᠢᠭᠦᠯᠦᠨ᠂ ᠭᠡᠨᠡᠳᠡᠯ ᠤᠨ ᠲᠣᠬᠠᠢ ᠶᠢᠨ ᠲᠠᠯᠠᠪᠠᠢ ᠳᠤ ᠪᠠᠴᠢᠮ ᠢ | ᠠᠷᠭᠠᠴᠠᠬᠤ ᠠᠪᠣᠷᠠᠨ ᠲᠣᠰᠠᠯᠠᠯᠳᠠ ᠶᠢᠨ ᠵᠢᠯᠣᠭᠤᠳᠬᠤ ᠭᠠᠵᠠᠷ ᠪᠠᠶᠢᠭᠤᠯᠵᠣ᠂ ᠬᠤᠰᠢᠭᠤ ᠠᠷᠠᠳ ᠤᠨ ᠵᠠᠰᠠᠭ ᠤᠨ | ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠪᠣᠯᠣᠨ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠬᠠᠮᠢᠶ᠎ᠠ ᠪᠦᠬᠦᠢ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ | ᠡᠩᠨᠡᠭᠡ ᠲᠠᠷᠦᠢ ᠲᠦᠷᠭᠡᠨ ᠲᠣᠬᠠᠢ ᠶᠢᠨ ᠲᠠᠯᠠᠪᠠᠢ ᠳᠤ ᠬᠦᠷᠴᠦ ᠠᠪᠣᠷᠠᠨ ᠲᠣᠰᠠᠯᠠᠵᠣ᠂ ᠡᠮ ᠡᠮᠴᠢᠯᠡᠭᠡᠨ ᠤ | ᠠᠪᠣᠷᠠᠯᠳᠠ ᠬᠢᠬᠦ᠂ ᠨᠦᠯᠦᠭᠡᠯᠡᠯ ᠤᠨ ᠬᠡᠪᠴᠢᠶᠡᠨ ᠳᠠᠬᠢ ᠣᠯᠠᠨ ᠲᠦᠮᠡᠨ ᠢ ᠰᠢᠯᠵᠢᠭᠦᠯᠦᠨ ᠨᠡᠭᠦᠯᠭᠡᠬᠦ ᠶᠢᠨ ᠬᠠᠮᠳᠦ | ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠭᠡᠨᠡᠳᠡᠯ ᠤᠨ ᠪᠠᠶᠢᠳᠠᠯ ᠢ ᠮᠡᠳᠡᠭᠦᠯᠵᠣ᠂ ᠬᠤᠳᠠ ᠶᠢᠨ ᠠᠶᠣᠯᠭᠦᠢ | ᠣᠶᠢᠯᠠᠳᠪᠦᠷᠢᠯᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠡ ᠶᠢᠨ ᠲᠣᠰᠬᠠᠢ ᠵᠠᠷᠣᠳᠠᠯ ᠪᠣᠯᠣᠨ ᠪᠠᠴᠢᠮ ᠢ | ᠠᠷᠭᠠᠴᠠᠬᠤ ᠠᠪᠣᠷᠠᠨ ᠲᠣᠰᠠᠯᠠᠯᠳᠠ ᠶᠢᠨ ᠨᠦᠭᠡᠴᠡ ᠡᠳ᠋ ᠪᠣᠳᠠᠰ ᠢ ᠬᠡᠷᠡᠭᠯᠡᠵᠣ᠂ ᠡᠭᠦᠰᠦᠮᠡᠯ ᠭᠡᠨᠡᠳᠡᠯ ᠡᠭᠦᠰᠬᠦ ᠠᠴᠠ | ᠰᠡᠷᠭᠡᠶᠢᠯᠡᠨ᠎ᠡ᠃ ᠮᠠᠨ ᠤ ᠬᠤᠰᠢᠭᠤᠨ ᠤ ᠰᠢᠢᠳᠪᠦᠷᠢᠯᠡᠬᠦ ᠴᠢᠳᠠᠪᠬᠢ ᠠᠴᠠ ᠬᠡᠳᠣᠷᠡᠭᠰᠡᠨ ᠣᠶᠢᠯᠠᠳᠪᠦᠷᠢᠯᠡᠯ ᠤᠨ | ᠭᠡᠨᠡᠳᠡᠯ ᠳᠤ ᠬᠤᠳᠠ ᠶᠢᠨ ᠵᠢᠯᠣᠭᠤᠳᠬᠤ ᠬᠡᠯᠳᠡᠰ ᠠᠴᠠ ᠲᠣᠰᠠᠯᠠᠮᠵᠢ ᠭᠤᠶᠣᠴᠢᠯᠠᠨ᠂ ᠭᠡᠨᠡᠳᠡᠯ ᠤᠨ ᠠᠪᠣᠷᠠᠨ | ᠲᠣᠰᠠᠯᠠᠯᠳᠠ ᠲᠠᠭᠤᠰᠬᠤ ᠪᠣᠯᠳᠠᠯ᠎ᠠ ᠬᠠᠮᠵᠢᠯᠴᠠᠬᠤ ᠠᠵᠢᠯ ᠢᠶᠠᠨ ᠰᠠᠶᠢᠳᠦᠷ ᠬᠢᠨ᠎ᠡ᠃ | ︵4︶ ᠭᠡᠨᠡᠳᠡᠯ ᠭᠠᠷᠣᠭᠰᠠᠨ ᠭᠠᠵᠠᠷ ᠤᠨ ᠬᠤᠯᠪᠣᠭᠳᠠᠯ ᠪᠦᠬᠦᠢ ᠪᠠᠶᠢᠭᠤᠯᠭ᠎ᠠ᠂ ᠠᠶᠣᠯᠭᠦᠢ ᠣᠶᠢᠯᠠᠳᠪᠦᠷᠢᠯᠡᠯ | ᠤᠨ ᠡᠯ᠎ᠡ ᠲᠦᠷᠦᠯ ᠤᠨ ᠠᠪᠣᠷᠠᠨ ᠲᠣᠰᠠᠯᠠᠯᠳᠠ ᠶᠢᠨ ᠡᠩᠨᠡᠭᠡ ᠬᠤᠰᠢᠭᠤ᠂ ᠪᠠᠯᠭᠠᠰᠦ ᠵᠢᠴᠢ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠵᠠᠷᠯᠢᠭ ᠵᠢᠭᠠᠪᠦᠷᠢ ᠪᠣᠶᠣ ᠬᠤᠯᠪᠣᠭᠳᠠᠯ | ᠪᠦᠬᠦᠢ ᠠᠵᠣ ᠠᠬᠤᠶᠢᠯᠠᠯ ᠤᠨ ᠭᠤᠶᠣᠴᠢᠯᠠᠯ ᠢ ᠬᠦᠯᠢᠶᠡᠭᠰᠡᠨ ᠤ ᠲᠠᠷᠠᠭ᠎ᠠ᠂ ᠲᠠᠷᠦᠢ ᠲᠦᠷᠭᠡᠨ ᠭᠡᠨᠡᠳᠡᠯ ᠤᠨ ᠠᠪᠣᠷᠠᠨ | ᠲᠣᠰᠠᠯᠠᠯᠳᠠ ᠳᠤ ᠣᠷᠣᠯᠴᠠᠨ᠎ᠠ᠃ | ︵ᠭᠤᠷᠪᠠ︶ ᠮᠡᠳᠡᠭᠡ ᠨᠡᠶᠢᠳᠡᠯᠡᠬᠦ | 1. ᠣᠨᠴᠠ ᠬᠦᠨᠳᠦ ᠶᠡᠭᠡ ᠣᠶᠢᠯᠠᠳᠪᠦᠷᠢᠯᠡᠯ ᠤᠨ ᠭᠡᠨᠡᠳᠡᠯ ᠢ ᠲᠦᠷᠦ ᠶᠢᠨ ᠶᠠᠪᠣᠳᠠᠯ ᠤᠨ ᠬᠤᠷᠢᠶ᠎ᠠ ᠠᠴᠠ | ᠨᠡᠶᠢᠳᠡᠯᠡᠨ᠂ ᠬᠦᠨᠳᠦ ᠶᠡᠭᠡ ᠭᠡᠨᠡᠳᠡᠯ ᠢ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠨᠡᠶᠢᠳᠡᠯᠡᠵᠣ᠂ ᠨᠡᠯᠢᠶᠡᠳ ᠶᠡᠭᠡ ᠭᠡᠨᠡᠳᠡᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠳᠡᠯᠡᠨ᠂ ᠡᠩ | ᠤᠨ ᠭᠡᠨᠡᠳᠡᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠡᠶᠢᠳᠡᠯᠡᠨ᠎ᠡ᠃ | 2. ᠭᠡᠨᠡᠳᠡᠯ ᠤᠨ ᠲᠠᠷᠠᠭ᠎ᠠ ᠨᠡᠶᠢᠭᠡᠮ ᠳᠤ ᠲᠠᠷᠦᠢ ᠲᠦᠷᠭᠡᠨ᠂ ᠣᠨᠣᠪᠴᠢᠳᠠᠢ᠂ ᠪᠣᠰᠣᠳᠴᠢ᠂ ᠪᠦᠬᠦ ᠲᠠᠯ᠎ᠠ ᠪᠠᠷ | ᠮᠡᠳᠡᠭᠡ ᠨᠡᠶᠢᠳᠡᠯᠡᠨ᠂ ᠵᠠᠰᠠᠭ ᠤᠨ ᠣᠷᠳᠣᠨ ᠤ ᠠᠪᠣᠭᠰᠠᠨ ᠠᠷᠭ᠎ᠠ ᠠᠪᠴᠠᠯ ᠪᠠ ᠣᠯᠠᠨ ᠲᠦᠮᠡᠨ ᠤ ᠰᠡᠷᠭᠡᠶᠢᠯᠡᠬᠦ | ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠪᠠᠭᠳᠠᠭᠠᠨ᠎ᠠ᠃ | ︵ᠲᠦᠷᠪᠡ︶ ᠪᠠᠴᠢᠮ ᠪᠠᠶᠢᠳᠠᠯ ᠤᠨ ᠠᠷᠭᠠᠴᠠᠭᠠᠯᠳᠠ ᠲᠠᠭᠤᠰᠬᠤ | ᠭᠡᠨᠡᠳᠡᠯ ᠤᠨ ᠲᠣᠬᠠᠢ ᠶᠢᠨ ᠲᠠᠯᠠᠪᠠᠢ ᠶᠢ ᠡᠵᠡᠮᠳᠡᠨ᠂ ᠡᠭᠦᠰᠦᠮᠡᠯ ᠭᠡᠨᠡᠳᠡᠯ ᠤᠨ ᠲᠠᠯᠳᠠ ᠭᠡᠮ ᠢ ᠣᠰᠠᠳᠬᠠᠵᠣ᠂ | ᠠᠪᠣᠷᠠᠯᠳᠠ ᠡᠮᠴᠢᠯᠡᠭᠡ ᠵᠡᠷᠭᠡ ᠪᠠᠴᠢᠮ ᠢ ᠠᠷᠭᠠᠴᠠᠬᠤ ᠲᠠᠢ ᠬᠤᠯᠪᠣᠭᠳᠠᠬᠤ ᠵᠣᠶᠢᠯᠠᠰ ᠢ ᠲᠣᠬᠢᠳᠠᠢ ᠰᠢᠢᠳᠦᠷ | ᠰᠢᠢᠳᠪᠦᠷᠢᠯᠡᠨ᠎ᠡ᠃ ᠭᠡᠨᠡᠳᠡᠯ ᠤᠨ ᠲᠡᠰ ᠢ ᠦᠨᠳᠦᠰᠦᠯᠡᠨ᠂ ᠵᠢᠯᠣᠭᠤᠳᠬᠤ ᠭᠠᠵᠠᠷ ᠠᠴᠠ ᠭᠡᠨᠡᠳᠡᠯ ᠤᠨ ᠠᠪᠣᠷᠠᠨ | ᠲᠣᠰᠠᠯᠠᠯᠳᠠ ᠲᠠᠭᠤᠰᠣᠭᠰᠠᠨ ᠵᠠᠷᠯᠢᠭ ᠨᠡᠶᠢᠳᠡᠯᠡᠨ᠎ᠡ᠃ | ᠲᠠᠪᠤ᠂ ᠬᠤᠶᠢᠰᠢᠳᠠ ᠶᠢᠨ ᠰᠢᠢᠳᠪᠦᠷᠢᠯᠡᠯᠳᠡ | ︵ᠨᠢᠭᠡ︶ ᠭᠡᠨᠡᠳᠡᠯ ᠭᠠᠷᠪᠠᠯ ᠬᠤᠰᠢᠭᠤᠨ ᠠᠴᠠ ᠡᠮᠴᠢᠯᠡᠭᠡᠨ ᠤ ᠠᠪᠣᠷᠠᠨ ᠲᠣᠰᠠᠯᠠᠯᠳᠠ ᠪᠣᠯᠣᠨ ᠬᠢᠵᠢᠭ ᠤᠨ | ᠪᠠᠶᠢᠳᠠᠯ ᠢ ᠡᠵᠡᠮᠰᠢᠨ ᠬᠢᠵᠠᠭᠠᠷᠯᠠᠬᠤ ᠶᠢ ᠬᠠᠷᠢᠭᠤᠴᠠᠨ᠂ ᠰᠢᠷᠬᠠᠳᠣᠭᠰᠠᠨᠳ ᠤᠨ ᠬᠤᠬᠢᠷᠠᠯ ᠪᠣᠯᠣᠨ ᠬᠤᠶᠢᠰᠢᠳᠠ ᠶᠢᠨ | ᠲᠦᠪᠬᠢᠨᠡᠭᠦᠯᠬᠦ ᠠᠵᠢᠯ ᠢ ᠰᠠᠶᠢᠳᠦᠷ ᠬᠢᠵᠣ᠂ ᠠᠪᠣᠷᠠᠨ ᠲᠣᠰᠠᠯᠠᠯᠳᠠ ᠶᠢᠨ ᠡᠩᠨᠡᠭᠡ ᠶᠢ ᠵᠣᠬᠢᠶᠠᠨ ᠪᠠᠶᠢᠭᠤᠯᠣᠨ ᠲᠣᠬᠠᠢ | ᠶᠢᠨ ᠲᠠᠯᠠᠪᠠᠢ ᠶᠢᠨ ᠪᠣᠬᠢᠷᠳᠣᠯ ᠪᠣᠳᠠᠰ ᠢ ᠰᠢᠢᠳᠪᠦᠷᠢᠯᠡᠨ᠂ ᠣᠶᠢᠯᠠᠳᠪᠦᠷᠢᠯᠡᠯ ᠢ ᠦᠳᠳᠡᠷ ᠲᠦᠷᠭᠡᠨ ᠰᠡᠷᠭᠦᠭᠡᠵᠣ᠂ | ᠭᠡᠨᠡᠳᠡᠯ ᠳᠤ ᠨᠦᠯᠦᠭᠡᠯᠡᠭᠳᠡᠭᠰᠠᠨ ᠬᠦᠮᠦᠰ ᠢ ᠲᠣᠬᠢᠳᠠᠢ ᠲᠣᠬᠢᠷᠠᠭᠤᠯᠵᠣ᠂ ᠭᠡᠨᠡᠳᠡᠯ ᠤᠨ ᠨᠦᠯᠦᠭᠡᠯᠡᠯ ᠢ ᠦᠭᠡᠶᠢᠰᠬᠡᠨ᠂ | ᠨᠡᠶᠢᠭᠡᠮ ᠤᠨ ᠲᠣᠭᠳᠠᠭᠤᠨ ᠢ ᠪᠠᠳᠣᠯᠠᠨ᠎ᠠ᠃ | ︵ᠬᠤᠶᠠᠷ︶ ᠭᠡᠨᠡᠳᠡᠯ ᠤᠨ ᠲᠠᠭᠠᠳᠬᠠᠯ ᠤᠨ ᠲᠦᠯᠦᠪᠦᠷᠢ ᠶᠢᠨ ᠠᠵᠢᠯ ᠢ ᠬᠤᠰᠢᠭᠤᠨ ᠠᠴᠠ ᠵᠢᠯᠣᠭᠤᠳᠣᠨ | ᠵᠣᠬᠢᠴᠠᠭᠤᠯᠣᠠᠨᠠ᠃ | ︵ᠭᠤᠷᠪᠠ︶ ᠭᠡᠨᠡᠳᠡᠯ ᠤᠨ ᠠᠪᠣᠷᠠᠨ ᠲᠣᠰᠠᠯᠠᠯᠳᠠ ᠶᠢᠨ ᠪᠠᠶᠢᠳᠠᠯ ᠢ ᠦᠨᠳᠦᠰᠦᠯᠡᠨ᠂ ᠬᠤᠰᠢᠭᠤ᠂ ᠪᠠᠯᠭᠠᠰᠣᠨ | ᠤ ᠵᠢᠯᠣᠭᠤᠳᠬᠤ ᠭᠠᠵᠠᠷ ᠴᠠᠭ ᠲᠣᠬᠠᠢ ᠳᠤᠨᠢ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ | ᠠᠵᠢᠯ ᠢᠶᠠᠨ ᠦᠨᠡᠯᠡᠨ ᠳ᠋ᠦᠩᠨᠡᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ | ᠮᠦᠴᠢᠷ ᠢ ᠵᠣᠬᠢᠶᠠᠨ ᠪᠠᠶᠢᠭᠤᠯᠣᠨ ᠪᠡᠯᠡᠳᠬᠡᠯ ᠲᠦᠰᠦᠪ ᠲᠤ ᠣᠷᠣᠰᠢᠵᠣ ᠪᠠᠶᠢᠭ᠎ᠠ ᠠᠰᠠᠭᠤᠳᠠᠯ ᠳᠤ ᠵᠠᠰᠠᠪᠦᠷᠢ | ᠣᠷᠣᠭᠤᠯᠣᠨ ᠲᠡᠭᠦᠯᠳᠡᠷᠵᠢᠭᠦᠯᠦᠨ᠎ᠡ᠃ | ︵ᠲᠦᠷᠪᠡ︶ ᠣᠶᠢᠯᠠᠳᠪᠦᠷᠢᠯᠡᠯ ᠤᠨ ᠭᠡᠨᠡᠳᠡᠯ ᠤᠨ ᠪᠠᠶᠢᠴᠠᠭᠠᠯᠳᠠ ᠳᠤ ︽ᠣᠶᠢᠯᠠᠳᠪᠦᠷᠢᠯᠡᠯ ᠤᠨ ᠭᠡᠨᠡᠳᠡᠯ ᠤᠨ | ᠮᠡᠳᠡᠭᠦᠯᠦᠯᠳᠡ ᠪᠣᠯᠣᠨ ᠪᠠᠶᠢᠴᠠᠭᠠᠯᠳᠠ ᠰᠢᠢᠳᠪᠦᠷᠢᠯᠡᠯᠳᠡ ᠶᠢᠨ ᠲᠦᠷᠢᠮ︾ ︵ᠣᠯᠣᠰ ᠤᠨ ᠠᠶᠣᠯᠭᠦᠢ | ᠣᠶᠢᠯᠠᠳᠪᠦᠷᠢᠯᠡᠯ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶᠠᠨ ᠤ 77 ᠲᠣᠭᠠᠳᠦ ᠵᠠᠷᠯᠢᠭ︶ ᠢ ᠬᠡᠷᠡᠭᠵᠢᠭᠦᠯᠵᠣ᠂ | ᠡᠩ ᠤᠨ ᠣᠶᠢᠯᠠᠳᠪᠦᠷᠢᠯᠡᠯ ᠤᠨ ᠭᠡᠨᠡᠳᠡᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ | ᠪᠠᠶᠢᠭᠤᠯᠣᠨ ᠪᠠᠶᠢᠴᠠᠭᠠᠨ ᠰᠢᠢᠳᠪᠦᠷᠢᠯᠡᠨ᠎ᠡ᠃ | ᠵᠢᠷᠭᠤᠭ᠎ᠠ᠂ ᠪᠠᠴᠢᠮ ᠢ ᠠᠷᠭᠠᠴᠠᠬᠤ ᠪᠠᠳᠣᠯᠠᠭ᠎ᠠ | ︵ᠨᠢᠭᠡ︶ ᠡᠩᠨᠡᠭᠡ ᠶᠢᠨ ᠪᠠᠳᠣᠯᠠᠭ᠎ᠠ᠃ ᠪᠦᠬᠦ ᠬᠤᠰᠢᠭᠤᠨ ᠤ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ | ᠠᠷᠭᠠᠴᠠᠬᠤ ᠠᠪᠣᠷᠠᠨ ᠲᠣᠰᠠᠯᠠᠯᠳᠠ ᠶᠢᠨ ᠡᠩᠨᠡᠭᠡ ᠳᠤ ᠭᠤᠣᠯᠳᠠᠭᠤ᠄ | 1. ᠣᠳᠤᠭ ᠤᠨ ᠡᠮᠦᠨᠡᠳᠦ ᠬᠤᠰᠢᠭᠤᠨ ᠤ ᠲᠣᠳᠣᠭᠠᠳᠦ ᠶᠢ ᠬᠠᠮᠠᠭᠠᠯᠠᠬᠤ ᠭᠠᠯ ᠣᠨᠳᠠᠷᠭᠠᠬᠤ ᠶᠡᠭᠡ ᠠᠩᠬᠢ | 2. ᠣᠳᠤᠭ ᠤᠨ ᠡᠮᠦᠨᠡᠳᠦ ᠬᠤᠰᠢᠭᠤᠨ ᠤ ᠠᠭᠤᠷᠬᠠᠢ ᠶᠢᠨ ᠠᠪᠣᠷᠠᠯᠳᠠ ᠶᠢᠨ ᠲᠣᠮᠳᠠ ᠠᠩᠬᠢ | 3. ᠨᠠᠩᠰᠦ ᠪᠠᠯᠭᠠᠰᠣ ᠶᠢᠨ ᠴᠠᠩ ᠴᠢᠩ ᠪᠠᠶᠢᠭᠠᠯᠢ ᠶᠢᠨ ᠰᠢᠳᠠᠮᠠᠬᠠᠢ ᠬᠡᠢ ᠶᠢᠨ ᠲᠦᠷᠪᠡᠳᠦᠭᠡᠷ ᠰᠢᠢᠳᠪᠦᠷᠢᠯᠡᠬᠦ | ᠣᠶᠢᠯᠠᠳᠪᠦᠷᠢ ᠶᠢᠨ ᠲᠣᠰᠬᠠᠢ ᠮᠡᠷᠭᠡᠵᠢᠯ ᠤᠨ ᠭᠠᠯ ᠣᠨᠳᠠᠷᠭᠠᠬᠤ ᠠᠩᠬᠢ | 4. ᠱᠠᠩᠬᠠᠢ ᠶᠢᠨ ᠰᠦᠮ᠎ᠡ ᠪᠠᠯᠭᠠᠰᠣᠨ ᠤ ᠣᠨᠴᠠ ᠣᠶᠢᠯᠡᠴᠢᠯᠡᠭᠡᠨ ᠤ ᠲᠣᠮᠳᠠ ᠠᠩᠬᠢ | ︵ᠬᠤᠶᠠᠷ︶ ᠵᠠᠷᠣᠳᠠᠯ ᠤᠨ ᠪᠠᠳᠣᠯᠠᠭ᠎ᠠ᠃ ᠬᠤᠰᠢᠭᠤ ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ | ᠲᠣᠰᠬᠠᠢ ᠵᠠᠷᠣᠳᠠᠯ ᠲᠣᠭᠢᠷᠠᠭᠤᠯᠣᠨ᠂ ᠵᠢᠯ ᠤᠨ ᠡᠳ᠋ ᠤᠨ ᠵᠠᠰᠠᠭ ᠤᠨ ᠲᠦᠰᠦᠪ ᠲᠤ ᠣᠷᠣᠭᠤᠯᠵᠣ᠂ ᠭᠡᠨᠡᠳᠡᠯ ᠤᠨ | ᠪᠠᠴᠢᠮ ᠢ ᠠᠷᠭᠠᠴᠠᠬᠤ ᠠᠪᠣᠷᠠᠨ ᠲᠣᠰᠠᠯᠠᠯᠳᠠ ᠶᠢᠨ ᠱᠠᠭᠠᠷᠳᠠᠯᠭ᠎ᠠ ᠶᠢ ᠪᠠᠳᠣᠯᠠᠨ᠎ᠠ᠃ | ︵ᠭᠤᠷᠪᠠ︶ ᠡᠳ᠋ ᠪᠣᠳᠠᠰ ᠲᠣᠨᠤᠭ ᠲᠦᠬᠦᠭᠡᠷᠦᠮᠵᠢ ᠶᠢᠨ ᠪᠠᠳᠣᠯᠠᠭ᠎ᠠ᠃ ᠬᠤᠰᠢᠭᠤ᠂ ᠪᠠᠯᠭᠠᠰᠦ ᠬᠤᠶᠠᠷ | ᠱᠠᠳᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠡᠯ᠎ᠡ ᠲᠦᠷᠦᠯ ᠤᠨ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ | ᠢ ᠠᠷᠭᠠᠴᠠᠬᠤ ᠡᠳ᠋ ᠪᠣᠳᠠᠰ ᠢ ᠨᠦᠭᠡᠴᠡᠯᠡᠨ᠂ ᠡᠯ᠎ᠡ ᠲᠦᠷᠦᠯ ᠤᠨ ᠣᠶᠢᠯᠠᠳᠪᠦᠷᠢᠯᠡᠯ ᠤᠨ ᠭᠡᠨᠡᠳᠡᠯ ᠤᠨ ᠪᠠᠴᠢᠮ ᠢ | ᠠᠷᠭᠠᠴᠠᠬᠤ ᠲᠣᠨᠤᠭ ᠲᠦᠬᠦᠭᠡᠷᠦᠮᠵᠢ ᠶᠢ ᠭᠦᠢᠴᠡᠳ ᠪᠡᠯᠡᠳᠬᠡᠵᠣ᠂ ᠭᠡᠨᠡᠳᠡᠯ ᠤᠨ ᠪᠠᠴᠢᠮ ᠢ ᠠᠷᠭᠠᠴᠠᠬᠤ ᠠᠪᠣᠷᠠᠨ | ᠲᠣᠰᠠᠯᠠᠯᠳᠠ ᠶᠢᠨ ᠱᠠᠭᠠᠷᠳᠠᠯᠭ᠎ᠠ ᠶᠢ ᠪᠠᠳᠣᠯᠠᠨ᠎ᠠ᠃ | ︵ᠲᠦᠷᠪᠡ︶ ᠡᠮ ᠡᠮᠴᠢᠯᠡᠭᠡᠨ ᠤ ᠪᠠᠳᠣᠯᠠᠭ᠎ᠠ᠃ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠳᠦ | ᠬᠦᠩᠭᠡᠵᠢᠯ ᠤᠨ ᠲᠣᠪᠴᠢᠶ᠎ᠠ ᠪᠦᠬᠦ ᠬᠤᠰᠢᠭᠤᠨ ᠤ ᠣᠶᠢᠯᠠᠳᠪᠦᠷᠢᠯᠡᠯ ᠤᠨ ᠭᠡᠨᠡᠳᠡᠯ ᠤᠨ ᠡᠮ ᠡᠮᠴᠢᠯᠡᠭᠡᠨ ᠤ ᠠᠪᠣᠷᠠᠨ | ᠲᠣᠰᠠᠯᠠᠯᠳᠠ ᠶᠢᠨ ᠠᠵᠢᠯ ᠤᠨ ᠪᠠᠳᠣᠯᠠᠭ᠎ᠠ ᠶᠢ ᠬᠠᠷᠢᠭᠤᠴᠠᠨ᠎ᠠ᠃ | ︵ᠲᠠᠪᠤ︶ ᠴᠢᠮᠡᠭᠡ ᠨᠡᠪᠳᠡᠷᠡᠯᠭᠡ ᠪᠣᠯᠣᠨ ᠮᠡᠳᠡᠭᠡ ᠵᠠᠩᠬᠢ ᠶᠢᠨ ᠪᠠᠳᠣᠯᠠᠭ᠎ᠠ᠃ ᠬᠤᠰᠢᠭᠤᠨ ᠤ ᠠᠵᠤ ᠠᠬᠤᠢ | ᠠᠷᠠᠯᠵᠢᠶ᠎ᠠ ᠪᠠᠮᠡᠳᠡᠭᠡ ᠵᠠᠩᠬᠢᠴᠢᠯᠠᠯᠲᠠ ᠶᠢᠨ ᠳᠤᠪᠴᠢᠶ᠎ᠠ ᠪᠦᠬᠦ ᠬᠤᠰᠢᠭᠤᠨ ᠤ ᠣᠶᠢᠯᠠᠳᠪᠦᠷᠢᠯᠡᠯ ᠤᠨ ᠭᠡᠨᠡᠳᠡᠯ ᠤᠨ | ᠪᠠᠴᠢᠮ ᠢ ᠠᠷᠭᠠᠴᠠᠬᠤ ᠲᠣᠰᠠᠯᠠᠯᠳᠠ ᠶᠢᠨ ᠴᠢᠮᠡᠭᠡ ᠨᠡᠪᠳᠡᠷᠡᠯᠭᠡ ᠪᠣᠯᠣᠨ ᠮᠡᠳᠡᠭᠡ ᠵᠠᠩᠬᠢ ᠶᠢᠨ ᠰᠠᠭᠠᠳ ᠦᠭᠡᠢ | ᠨᠡᠪᠳᠡᠷᠡᠭᠦ ᠶᠢ ᠪᠠᠳᠣᠯᠠᠨ᠎ᠠ᠃ | ᠲᠣᠯᠤᠭ᠎ᠠ᠂ ᠬᠢᠨᠡᠯᠳᠡ ᠪᠠ ᠬᠠᠮᠢᠶᠠᠷᠣᠯᠳᠠ | ︵ᠨᠢᠭᠡ︶ ᠡᠯ᠎ᠡ ᠱᠠᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠᠴᠢᠮ ᠢ ᠠᠷᠭᠠᠴᠠᠬᠤ ᠠᠪᠣᠷᠠᠨ | ᠲᠣᠰᠠᠯᠠᠯᠳᠠ ᠶᠢᠨ ᠶᠡᠷᠦ ᠶᠢᠨ ᠮᠡᠳᠡᠯᠭᠡ ᠶᠢᠨ ᠣᠬᠠᠭᠤᠯᠭ᠎ᠠ᠂ ᠪᠣᠯᠪᠠᠰᠣᠷᠠᠯ ᠢ ᠴᠢᠩᠭᠠᠳᠬᠠᠨ ᠪᠡᠯᠡᠳᠬᠡᠯ ᠲᠦᠰᠦᠪ ᠤᠨ | ᠰᠣᠷᠢᠯᠳᠠ ᠬᠢᠵᠣ᠂ ᠣᠶᠢᠯᠠᠳᠪᠦᠷᠢᠯᠡᠯ ᠤᠨ ᠭᠡᠨᠡᠳᠡᠯ ᠢ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠬᠢ ᠪᠠᠨ | ᠲᠡᠭᠡᠭᠰᠢᠯᠡᠭᠦᠯᠵᠣ᠂ ᠨᠡᠶᠢᠭᠡᠮ ᠤᠨ ᠠᠮᠣᠷ ᠲᠣᠭᠳᠠᠭᠤᠨ ᠢ ᠪᠠᠳᠣᠯᠠᠨ᠎ᠠ᠃ | ︵ᠬᠤᠶᠠᠷ︶ ᠡᠯ᠎ᠡ ᠱᠠᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠᠴᠢᠮ ᠢ ᠠᠷᠭᠠᠴᠠᠬᠤ ᠠᠪᠣᠷᠠᠨ | ᠲᠣᠰᠠᠯᠠᠯᠳᠠ ᠶᠢᠨ ᠠᠵᠢᠯ ᠤᠨ ᠣᠳᠣᠷᠢᠳᠣᠯᠭ᠎ᠠ ᠪᠠ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠨ᠎ᠠ᠃ ᠪᠠᠴᠢᠮ ᠢ | ᠠᠷᠭᠠᠴᠠᠬᠤ ᠠᠪᠣᠷᠠᠨ ᠲᠣᠰᠠᠯᠠᠯᠳᠠ ᠶᠢᠨ ᠠᠵᠢᠯ ᠲᠣᠮᠳᠠ ᠡᠭᠦᠷᠭᠡ ᠲᠣᠰᠢᠶᠠᠯ ᠢᠶᠠᠨ ᠭᠦᠢᠴᠡᠳᠬᠡᠭᠰᠡᠨ ᠦᠭᠡᠢ᠂ | ᠭᠦᠴᠦ ᠲᠠᠯᠪᠢᠭᠰᠠᠨ ᠦᠭᠡᠢ ᠪᠣᠶᠣ ᠬᠦᠨᠳᠦ ᠨᠣᠴᠢᠳᠠᠢ ᠦᠷ᠎ᠡ ᠳ᠋ᠦᠩ ᠭᠠᠷᠭᠠᠭᠰᠠᠨ ᠭᠠᠵᠠᠷ ᠣᠷᠣᠨ᠂ ᠰᠠᠯᠠᠭ᠎ᠠ | ᠮᠦᠴᠢᠷ ᠪᠣᠯᠣᠨ ᠠᠵᠢᠯᠳᠠᠨ ᠠᠴᠠ ᠬᠠᠣᠯᠢ ᠶᠣᠰᠣᠭᠠᠷ ᠬᠠᠣᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠭᠤᠷᠪᠠ︶ ᠲᠣᠰ ᠲᠦᠰᠦᠪ ᠢ ᠬᠤᠰᠢᠭᠤᠨ ᠤ ᠠᠶᠣᠯᠭᠦᠢ ᠣᠶᠢᠯᠠᠳᠪᠦᠷᠢᠯᠡᠯ ᠤᠨ ᠬᠢᠨᠡᠯᠳᠠ ᠬᠠᠮᠢᠶᠠᠷᠣᠯᠳᠠ | ᠶᠢᠨ ᠲᠣᠪᠴᠢᠶ᠎ᠠ ᠬᠠᠷᠢᠭᠤᠴᠠᠨ ᠲᠠᠶᠢᠯᠪᠦᠷᠢᠯᠠᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠡᠶᠢᠳᠡᠯᠡᠨ᠎ᠡ᠃ | | | | | | | ᠤᠲᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2017 ᠤᠨ ᠤ 1 ᠰᠠᠷ᠎ᠠ ᠶᠢᠨ 6 ᠤ ᠡᠳᠤᠷ ᠲᠠᠷᠤᠮᠠᠯᠯᠠᠨ ᠲᠠᠷᠬᠠᠭᠠᠪᠠ |