ᠣᠳᠤᠭ ᠡᠮᠦᠨᠡᠳᠦ ᠵᠠᠰᠠᠭ ᠠᠯᠪᠠᠨ ᠲᠠᠷᠬᠠᠭᠠᠬᠤ ﹇2017﹈ 74 ᠲᠣᠭᠠᠳᠦ
ᠨᠡᠶᠢᠲᠡᠯᠡᠭᠰᠡᠨ ᠴᠠᠭ᠄
2018-06-19
 ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠪᠠᠴᠢᠮ ᠠᠷᠭᠠᠴᠠᠬᠤ ᠪᠡᠯᠡᠳᠬᠡᠯ  ᠲᠦᠰᠦᠯ   ᠢ  ᠴᠣᠬᠤᠯᠠᠪᠦᠷᠢᠯᠠᠨ  ᠲᠠᠮᠵᠢᠭᠤᠯᠬᠤ  ᠲᠣᠬᠠᠢ  ᠣᠳᠤᠭ   ᠤᠨ  ᠡᠮᠦᠨᠡᠳᠦ  ᠬᠤᠰᠢᠭᠤᠨ   ᠤ  ᠠᠷᠠᠳ   ᠤᠨ  ᠵᠠᠰᠠᠭ   ᠤᠨ  ᠣᠷᠳᠣᠨ  ᠠᠯᠪᠠᠨ  ᠭᠡᠷ  ᠮᠡᠳᠡᠭᠳᠡᠯᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ᠄ ︽ᠣᠳᠤᠭ ᠤᠨ ᠡᠮᠦᠨᠡᠳᠦ ᠬᠤᠰᠢᠭᠤᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠪᠠᠴᠢᠮ ᠠᠷᠭᠠᠴᠠᠬᠤ ᠪᠡᠯᠡᠳᠬᠡᠯ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠴᠣᠬᠤᠯᠠᠪᠦᠷᠢᠯᠠᠨ ᠲᠠᠷᠬᠠᠭᠠᠪᠠ᠂ ᠪᠣᠳᠠᠳᠠᠢ ᠪᠠᠶᠢᠳᠠᠯ ᠲᠠᠢ ᠣᠶᠠᠯᠳᠣᠭᠤᠯᠣᠨ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠳᠤᠭᠠᠢ᠃                  ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                  2017 ᠣᠨ ᠤ 6 ᠰᠠᠷ᠎ᠠ ᠶᠢᠨ 5 ᠤ ᠡᠳᠦᠷ ᠣᠳᠤᠭ ᠤᠨ ᠡᠮᠦᠨᠡᠳᠦ ᠬᠤᠰᠢᠭᠤᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠪᠠᠴᠢᠮ ᠠᠷᠭᠠᠴᠠᠬᠤ ᠪᠡᠯᠡᠳᠬᠡᠯ ᠲᠦᠰᠦᠯ     ᠨᠢᠭᠡ᠂ ᠶᠡᠷᠦᠩᠬᠡᠢ ᠲᠦᠷᠢᠮ     ︵ᠨᠢᠭᠡ︶ ᠣᠷᠣᠨ ᠲᠣᠭᠠᠨ ᠤ ᠬᠠᠷᠠᠯᠳᠠ     ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠴᠠᠭ ᠲᠣᠬᠠᠢ ᠳᠤ ᠨᠢ ᠪᠦᠳᠦᠮᠵᠢᠳᠠᠢ ᠪᠠᠷ ᠰᠡᠷᠭᠡᠶᠢᠯᠡᠨ ᠡᠵᠡᠮᠳᠡᠨ ᠣᠰᠠᠳᠬᠠᠵᠣ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠮᠠᠯ ᠲᠠᠷᠢᠶᠠᠯᠠᠩ ᠤᠨ ᠣᠶᠢᠯᠠᠰ᠂ ᠨᠡᠶᠢᠳᠡ ᠶᠢᠨ ᠡᠷᠡᠭᠦᠯ ᠬᠠᠮᠠᠭᠠᠯᠠᠯ ᠤᠨ ᠠᠮᠣᠷ ᠲᠦᠪᠰᠢᠨ ᠵᠢᠴᠢ ᠣᠯᠠᠨ ᠨᠡᠶᠢᠳᠡ ᠶᠢᠨ ᠡᠷᠡᠭᠦᠯ ᠴᠢᠬᠢᠷᠠᠭ ᠳᠤ ᠦᠵᠡᠭᠦᠯᠬᠦ ᠨᠦᠯᠦᠭᠡᠯᠡᠯ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ ᠠᠷᠠᠳ ᠣᠯᠠᠨ ᠤ ᠠᠮᠢ ᠨᠠᠰᠦ ᠡᠳ᠋ ᠬᠦᠷᠦᠩᠭᠡ  ᠶᠢᠨ ᠠᠮᠦᠷ ᠲᠦᠪᠰᠢᠨ ᠢ ᠪᠠᠳᠣᠯᠠᠵᠣ᠂ ᠠᠵᠣ ᠠᠬᠤᠢ ᠶᠢᠨ ᠦᠷᠭᠦᠯᠵᠢᠬᠦᠶᠢᠴᠡ ᠲᠣᠭᠳᠠᠭᠤᠨ ᠡᠷᠡᠭᠦᠯ ᠬᠦᠭᠵᠢᠯᠳᠡ  ᠶᠢ ᠪᠠᠷᠢᠮᠳᠠᠯᠠᠨ᠎ᠠ᠃     ︵ᠬᠤᠶᠠᠷ︶ ᠣᠷᠣᠨ ᠲᠣᠭᠠᠨ ᠤ ᠦᠨᠳᠦᠰᠦᠯᠡᠯ     ︽ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠭᠡᠨᠡᠳᠳᠡ ᠶᠢᠨ ᠭᠡᠨᠡᠳᠡᠯ ᠢ ᠠᠷᠭᠠᠴᠠᠬᠤ         ᠬᠠᠣᠯᠢ︾᠂ ︽ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠠᠮᠢᠳᠠᠨ ᠤ ᠬᠢᠵᠢᠭ ᠢ ᠰᠡᠷᠭᠡᠶᠢᠯᠡᠬᠦ    ᠬᠠᠣᠯᠢ︾᠂ ︽ᠬᠦᠨᠳᠦ ᠶᠡᠭᠡ ᠠᠮᠢᠳᠠᠨ ᠤ ᠬᠢᠵᠢᠭ ᠢ ᠠᠷᠭᠠᠴᠠᠬᠤ ᠵᠣᠷᠪᠣᠰ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠮᠢᠳᠠᠨ ᠤ ᠬᠢᠵᠢᠭ ᠢ ᠰᠡᠷᠭᠡᠶᠢᠯᠡᠬᠦ ᠵᠣᠷᠪᠣᠰ︾᠂ ︽ᠣᠯᠣᠰ ᠤᠨ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠠᠷᠭᠠᠴᠠᠬᠤ ᠪᠡᠯᠡᠳᠬᠡᠯ ᠲᠦᠰᠦᠯ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠠᠷᠭᠠᠴᠠᠬᠤ ᠪᠡᠯᠡᠳᠬᠡᠯ ᠲᠦᠰᠦᠯ︾     ᠪᠣᠯᠣᠨ ︽ᠣᠷᠳᠣᠰ ᠬᠤᠳᠠ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠠᠷᠭᠠᠴᠠᠬᠤ ᠪᠡᠯᠡᠳᠬᠡᠯ     ᠲᠦᠰᠦᠯ︾ ᠦᠨᠳᠦᠰᠦᠯᠡᠨ᠂ ᠲᠣᠰ ᠪᠡᠯᠡᠳᠬᠡᠯ ᠲᠦᠰᠦᠯ ᠢ ᠲᠣᠭᠳᠠᠭᠠᠪᠠ᠃     ︵ᠭᠤᠷᠪᠠ︶ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠲᠡᠰ ᠬᠤᠪᠢᠶᠠᠷᠯᠠᠯ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠤᠨ ᠴᠢᠨᠠᠷ ᠴᠢᠨᠠᠰᠠᠭ᠎ᠠ᠂ ᠬᠦᠷᠢᠶ᠎ᠡ ᠬᠡᠪᠴᠢᠶ᠎ᠠ᠂ ᠬᠦᠨᠦᠭᠡᠯ ᠤᠨ ᠬᠡᠮᠵᠢᠶ᠎ᠡ ᠶᠢ ᠦᠨᠳᠦᠰᠦᠯᠡᠨ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠲᠦᠷᠪᠡᠨ ᠲᠡᠰ ᠬᠤᠪᠢᠶᠠᠨ᠎ᠠ᠂ ᠣᠨᠴᠠ ᠬᠦᠨᠳᠦ ᠶᠡᠭᠡ ︵Ⅰ ᠲᠡᠰ︶᠂ ᠬᠦᠨᠳᠦ ᠶᠡᠭᠡ ︵Ⅱ ᠲᠡᠰ︶᠂ ᠨᠡᠯᠢᠶᠡᠳ ᠶᠡᠭᠡ ︵Ⅲ ᠲᠡᠰ︶ ᠪᠣᠯᠣᠨ ᠡᠩ ᠤᠨ ︵Ⅳ ᠲᠡᠰ︶᠃     1. ᠣᠨᠴᠠ ᠬᠦᠨᠳᠦ ᠶᠡᠭᠡ ᠭᠡᠨᠡᠳᠳᠡ ᠶᠢᠨ ᠠᠮᠢᠳᠠᠨ ᠤ ᠬᠢᠵᠢᠭ ᠤᠨ ᠪᠠᠶᠢᠳᠠᠯ ︵Ⅰ ᠲᠡᠰ︶     ︵1︶ ᠬᠠᠯᠳᠠᠪᠦᠷᠢᠳᠦ ᠴᠢᠨᠠᠷ ᠢᠶᠠᠷ ᠦᠨᠳᠦᠷ ᠵᠢᠭᠦᠷᠳᠡᠨ ᠤ ᠬᠢᠵᠢᠭ ︵H5N1᠂ H7N7 ᠪᠣᠯᠣᠨ H7N9 ᠪᠠᠷ ᠲᠦᠯᠦᠭᠡᠯᠡᠨ᠎ᠡ︶ 21 ᠡᠳᠦᠷ ᠤᠨ ᠲᠣᠳᠣᠷ᠎ᠠ᠂ ᠦᠪᠡᠷᠳᠡᠭᠡᠨ ᠵᠠᠰᠠᠬᠤ ᠣᠷᠣᠨ ᠤ ᠬᠡᠪᠴᠢᠶᠡᠨ ᠳᠤ 20 ᠠᠴᠠ ᠲᠡᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠪᠣᠶᠣ 10 ᠠᠴᠠ ᠲᠡᠭᠡᠭᠰᠢ ᠬᠤᠰᠢᠭᠤ      ᠰᠢᠶᠠᠨ ︵ᠬᠤᠳᠠ᠂ ᠲᠣᠭᠤᠷᠢᠭ︶ ᠤ ᠬᠡᠪᠴᠢᠶ᠎ᠠ ᠪᠠᠷ ᠢᠯᠡᠷᠡᠬᠦ᠃     ︵2︶ ᠰᠢᠯᠦᠭᠡᠢ᠂ ᠬᠠᠯᠳᠠᠪᠦᠷᠢᠳᠦ ᠴᠢᠨᠠᠷ ᠢᠶᠠᠷ ᠦᠨᠳᠦᠷ ᠭᠠᠭ᠋ᠠᠢ ᠶᠢᠨ ᠬᠦᠬᠡ ᠴᠢᠬᠢᠳᠦ ᠡᠪᠡᠳᠴᠢᠨ猪蓝耳病 14 ᠡᠳᠦᠷ ᠤᠨ ᠲᠣᠳᠣᠷ᠎ᠠ᠂ ᠦᠪᠡᠷᠳᠡᠭᠡᠨ ᠵᠠᠰᠠᠬᠤ ᠣᠷᠣᠨ ᠤ ᠬᠡᠪᠴᠢᠶᠡᠨ ᠳᠤ 3 ᠠᠴᠠ ᠲᠡᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠬᠡᠪᠴᠢᠶ᠎ᠡ ᠪᠠᠷ ᠬᠦᠨᠳᠦ ᠬᠢᠵᠢᠭ ᠤᠨ ᠪᠠᠶᠢᠳᠠᠯ ᠢᠯᠡᠷᠡᠬᠦ᠃     ︵3︶ ᠦᠬᠡᠷ ᠤᠨ ᠭᠠᠯᠵᠠᠭᠤ ᠡᠪᠡᠳᠴᠢᠨ ᠵᠡᠷᠭᠡ ᠰᠢᠨ᠎ᠡ ᠢᠯᠡᠷᠡᠭᠰᠡᠨ ᠬᠦᠮᠦᠨ ᠮᠡᠯ ᠲᠤ ᠬᠠᠯᠳᠠᠪᠦᠷᠢᠯᠠᠬᠤ ᠡᠪᠡᠳᠴᠢᠨ ᠶᠡᠭᠡ ᠲᠡᠯᠭᠡᠷᠡᠵᠣ ᠬᠦᠮᠦᠨ ᠳᠤ ᠬᠠᠯᠳᠠᠪᠦᠷᠢᠯᠠᠬᠤ ᠮᠦᠷᠳᠡᠭᠡᠨ ᠦᠷᠭᠦᠯᠵᠢᠯᠡᠨ ᠶᠡᠭᠡ ᠬᠡᠪᠴᠢᠶ᠎ᠠ ᠪᠠᠷ ᠲᠠᠷᠬᠠᠬᠤ ᠲᠡᠯᠭᠡᠷᠡᠭᠦ᠃     ︵4︶ ᠣᠯᠣᠰ ᠪᠣᠶᠣ ᠦᠪᠡᠷᠳᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠲᠣᠭᠳᠠᠭᠠᠭᠰᠠᠨ ᠪᠣᠰᠣᠳ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢᠯᠡᠷᠡᠬᠦ᠃     2. ᠬᠦᠨᠳᠦ ᠶᠡᠭᠡ ᠭᠡᠨᠡᠳᠳᠡ ᠶᠢᠨ ᠠᠮᠢᠳᠠᠨ ᠤ ᠬᠢᠵᠢᠭ ︵Ⅱ ᠲᠡᠰ︶     ︵1︶ ᠬᠠᠯᠳᠠᠪᠦᠷᠢᠳᠦ ᠴᠢᠨᠠᠷ ᠢᠶᠠᠷ ᠦᠨᠳᠦᠷ ᠵᠢᠭᠦᠷᠳᠡᠨ ᠤ ᠬᠢᠵᠢᠭ ︵H5N1᠂ H7N7 ᠪᠣᠯᠣᠨ H7N9 ᠪᠠᠷ ᠲᠦᠯᠦᠭᠡᠯᠡᠨ᠎ᠡ︶ 21 ᠡᠳᠦᠷ ᠤᠨ ᠲᠣᠳᠣᠷ᠎ᠠ᠂ ᠦᠪᠡᠷᠳᠡᠭᠡᠨ ᠵᠠᠰᠠᠬᠤ ᠣᠷᠣᠨ ᠤ ᠬᠡᠪᠴᠢᠶᠡᠨ ᠳᠤ 2 ᠠᠴᠠ ᠲᠡᠭᠡᠭᠰᠢ ᠠᠶᠢᠮᠠᠭ ᠬᠤᠳᠠ ︵ᠬᠤᠳᠠ᠂ ᠲᠣᠭᠤᠷᠢᠭ︶ ᠪᠣᠶᠣ 20 ᠠᠴᠠ ᠲᠡᠭᠡᠭᠰᠢ ᠬᠢᠵᠢᠭ ᠤᠨ ᠴᠡᠭ ᠪᠣᠶᠣ 5 ᠠᠴᠠ ᠲᠡᠭᠡᠭᠰᠢ 10 ᠠᠴᠠ ᠲᠣᠷᠣᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠬᠡᠪᠴᠢᠶ᠎ᠠ ᠪᠠᠷ ᠡᠭᠦᠰᠦᠭᠰᠡᠨ ᠬᠢᠵᠢᠭ ᠤᠨ ᠪᠠᠶᠢᠳᠠᠯ᠃     ︵2︶ ᠰᠢᠯᠦᠭᠡᠢ᠂ ᠬᠠᠯᠳᠠᠪᠦᠷᠢᠳᠦ ᠴᠢᠨᠠᠷ ᠢᠶᠠᠷ ᠦᠨᠳᠦᠷ ᠭᠠᠭ᠋ᠠᠢ ᠶᠢᠨ ᠬᠦᠬᠡ ᠴᠢᠬᠢᠳᠦ ᠡᠪᠡᠳᠴᠢᠨ猪蓝耳病 14 ᠡᠳᠦᠷ ᠤᠨ ᠲᠣᠳᠣᠷ᠎ᠠ᠂ ᠦᠪᠡᠷᠳᠡᠭᠡᠨ ᠵᠠᠰᠠᠬᠤ ᠣᠷᠣᠨ ᠤ ᠬᠡᠪᠴᠢᠶᠡᠨ ᠳᠤ 2 ᠠᠴᠠ ᠲᠡᠭᠡᠭᠰᠢ ᠵᠡᠷᠭᠡᠯᠡᠳᠡᠭᠡ ᠠᠶᠢᠮᠠᠭ ᠬᠤᠳᠠ ᠪᠣᠶᠣ 5 ᠠᠴᠠ ᠲᠠᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠬᠡᠪᠴᠢᠶ᠎ᠡ  ᠪᠠᠷ ᠡᠭᠦᠰᠦᠭᠰᠡᠨ ᠬᠢᠵᠢᠭ ᠤᠨ ᠪᠠᠶᠢᠳᠠᠯ᠂ ᠪᠣᠶᠣ ᠰᠢᠨ᠎ᠡ ᠢᠯᠡᠷᠡᠭᠰᠡᠨ ᠰᠢᠯᠦᠬᠡᠢ ︵ᠲᠡᠳ᠋ ᠬᠡᠯᠪᠡᠷᠢ亚型︶᠃     ︵3︶ ᠲᠠᠯᠳᠠ ᠬᠤᠭᠤᠴᠠᠭᠠᠨ ᠳᠤ ᠪᠠᠨ᠂ 20 ᠠᠴᠠ ᠲᠡᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠡᠭᠦᠰᠦᠭᠰᠡᠨ ᠭᠠᠭ᠋ᠠᠢ ᠶᠢᠨ ᠬᠢᠵᠢᠭ᠂ ᠰᠢᠨ᠎ᠡ ᠬᠤᠳᠠ ᠶᠢᠨ ᠬᠢᠵᠢᠭ新城疫疫情᠂ ᠪᠣᠶᠣ ᠬᠢᠵᠢᠭ  ᠶᠢ ᠴᠡᠭ 30 ᠠᠴᠠ ᠲᠠᠪᠠᠭ᠋ᠣ᠃     ︵4︶ ᠣᠯᠣᠰ ᠠᠴᠠ ᠨᠢᠭᠡᠨᠳᠡ ᠣᠰᠠᠳᠬᠠᠭᠰᠠᠨ ᠦᠭᠡᠷ ᠤᠨ ᠬᠢᠵᠢᠭ᠂ ᠦᠬᠡᠷ ᠤᠨ ᠠᠭᠤᠰᠬᠢᠨ ᠬᠢᠵᠢᠭ ᠵᠡᠷᠭᠡ ᠬᠢᠵᠢᠭ ᠲᠠᠬᠢᠨ ᠢᠯᠡᠷᠡᠬᠦ ᠪᠣᠶᠣ ᠮᠡᠨ ᠤ ᠣᠯᠣᠰ ᠲᠤ ᠢᠯᠡᠷᠡᠵᠣ ᠦᠩᠭᠡᠷᠡᠭᠰᠡᠨ ᠦᠭᠡᠢ ᠦᠭᠡᠷ ᠤᠨ ᠭᠠᠯᠵᠠᠭᠤ ᠡᠪᠡᠳᠴᠢᠨ᠂ ᠠᠹᠷᠢᠺᠡ ᠤᠨ ᠭᠠᠭ᠋ᠠᠢ ᠶᠢᠨ ᠬᠢᠵᠢᠭ᠂ ᠠᠹᠷᠢᠺᠡ ᠶᠢᠨ ᠠᠳᠠᠭᠤᠨ ᠬᠢᠵᠢᠭ ᠵᠡᠷᠭᠡ ᠡᠪᠡᠳᠴᠢᠨ ᠬᠠᠯᠳᠠᠪᠦᠷᠢᠯᠠᠬᠤ ᠪᠣᠶᠣ ᠢᠯᠡᠷᠡᠬᠦ᠃     ︵5︶ ᠲᠠᠯᠳᠠ ᠬᠤᠭᠤᠴᠠᠭᠠᠨ ᠳᠤ ᠪᠠᠨ᠂ ᠪᠷᠦ᠋ᠽᠧᠯ ᠤᠨ ᠰᠠᠪᠬᠠᠨᠴᠢᠷ ᠪᠠᠺᠲ᠋ᠧᠷᠢ ᠡᠪᠡᠳᠴᠢᠨ᠂ ᠰᠦᠷᠢᠶ᠎ᠡ ᠡᠪᠡᠳᠴᠢᠨ᠂ ᠭᠠᠯᠵᠠᠭᠤ ᠡᠪᠡᠳᠴᠢᠨ᠂ ᠪᠣᠭᠤᠮ᠎ᠠ ᠵᠡᠷᠭᠡ ᠬᠤᠶᠠᠳᠣᠭᠠᠷ ᠲᠦᠷᠦᠯ ᠤᠨ ᠠᠮᠢᠳᠠᠨ ᠤ ᠬᠢᠵᠢᠭ ᠡᠪᠡᠳᠴᠢᠨ ᠶᠡᠭᠡ ᠪᠠᠷ ᠲᠡᠯᠭᠡᠷᠡᠭᠦ᠂ 3 ᠠᠴᠠ ᠲᠡᠭᠡᠭᠰᠢ ᠠᠶᠢᠮᠠᠭ ᠬᠤᠳᠠ ᠲᠠᠢ ᠬᠤᠯᠪᠣᠭᠳᠠᠵᠣ᠂ ᠬᠦᠮᠦᠨ ᠳᠤ ᠬᠠᠯᠳᠠᠪᠦᠷᠢᠯᠠᠬᠤ ᠴᠢᠨᠠᠷᠳᠠᠢ ᠡᠪᠡᠳᠴᠢᠨ ᠦᠷᠭᠦᠯᠵᠢᠯᠡᠨ ᠲᠡᠯᠭᠡᠷᠡᠭᠦ ᠬᠠᠨᠳᠣᠰᠢ ᠲᠠᠢ᠃     ︵6︶ ᠲᠠᠷᠢᠶᠠᠯᠠᠩ ᠤᠨ ᠶᠠᠮᠣᠨ ᠪᠣᠶᠣ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠮᠡᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠤᠨ ᠲᠣᠭᠳᠠᠭᠠᠭᠰᠠᠨ ᠪᠣᠰᠣᠳ ᠬᠡᠨᠡᠳᠳᠡ ᠡᠭᠦᠰᠬᠦ ᠬᠦᠨᠳᠦ ᠶᠡᠭᠡ ᠠᠮᠢᠳᠠᠨ ᠤ ᠬᠢᠵᠢᠭ᠃     3. ᠨᠡᠯᠢᠶᠡᠳ ᠭᠡᠨᠡᠳᠳᠡ ᠡᠭᠦᠰᠬᠦ ᠠᠮᠢᠳᠠᠨ ᠤ ᠬᠢᠵᠢᠭ ︵Ⅲ ᠲᠡᠰ︶     ︵1︶ ᠬᠠᠯᠳᠠᠪᠦᠷᠢᠳᠦ ᠴᠢᠨᠠᠷ ᠢᠶᠠᠷ ᠦᠨᠳᠦᠷ ᠵᠢᠭᠦᠷᠳᠡᠨ ᠤ ᠬᠢᠵᠢᠭ ︵H5N1᠂ H7N7 ᠪᠣᠯᠣᠨ H7N9 ᠪᠠᠷ ᠲᠦᠯᠦᠭᠡᠯᠡᠨ᠎ᠡ︶ 21 ᠡᠳᠦᠷ ᠤᠨ ᠲᠣᠳᠣᠷ᠎ᠠ᠂ 1 ᠠᠶᠢᠮᠠᠭ ᠬᠤᠳᠠ ᠶᠢᠨ ᠵᠠᠰᠠᠭ ᠵᠠᠬᠢᠷᠭᠠᠨ ᠤ ᠬᠦᠷᠢᠶ᠎ᠠ ᠴᠠᠷᠠᠭ᠎ᠠ ᠲᠣᠳᠣᠷ᠎ᠠ 2 ᠠᠴᠠ ᠲᠡᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠢᠯᠡᠷᠡᠬᠦ ᠪᠣᠶᠣ ᠬᠢᠵᠢᠭ ᠤᠨ ᠴᠡᠭ 3 ᠠᠴᠠ ᠲᠠᠪᠠᠭ᠋ᠣ᠃     ︵2︶ ᠰᠢᠯᠦᠭᠡᠢ᠂ ᠬᠠᠯᠳᠠᠪᠦᠷᠢᠳᠦ ᠴᠢᠨᠠᠷ ᠢᠶᠠᠷ ᠦᠨᠳᠦᠷ ᠭᠠᠭ᠋ᠠᠢ ᠶᠢᠨ ᠬᠦᠬᠡ ᠴᠢᠬᠢᠳᠦ ᠡᠪᠡᠳᠴᠢᠨ猪蓝耳病 14 ᠡᠳᠦᠷ ᠤᠨ ᠲᠣᠳᠣᠷ᠎ᠠ᠂ 1 ᠠᠶᠢᠮᠠᠭ ᠬᠤᠳᠠ ᠶᠢᠨ ᠵᠠᠰᠠᠭ ᠵᠠᠬᠢᠷᠭᠠᠨ ᠤ ᠬᠦᠷᠢᠶ᠎ᠠ ᠴᠠᠷᠠᠭ᠎ᠠ ᠲᠣᠳᠣᠷ᠎ᠠ 2  ᠠᠴᠠ ᠲᠡᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠢᠯᠡᠷᠡᠬᠦ ᠪᠣᠶᠣ ᠬᠢᠵᠢᠭ ᠤᠨ ᠴᠡᠭ 5 ᠠᠴᠠ ᠲᠠᠪᠠᠭ᠋ᠣ᠃     ︵3︶ ᠲᠠᠯᠳᠠ ᠬᠤᠭᠤᠴᠠᠭᠠᠨ ᠳᠤ ᠪᠠᠨ᠂ 1 ᠠᠶᠢᠮᠠᠭ ᠬᠤᠳᠠ ᠶᠢᠨ ᠵᠠᠰᠠᠭ ᠵᠠᠬᠢᠷᠭᠠᠨ ᠤ ᠬᠦᠷᠢᠶ᠎ᠠ ᠴᠠᠷᠠᠭ᠎ᠠ ᠲᠣᠳᠣᠷ᠎ᠠ 2 ᠠᠴᠠ ᠲᠡᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠭᠠᠭ᠋ᠠᠢ ᠶᠢᠨ ᠬᠢᠵᠢᠭ᠂ ᠰᠢᠨ᠎ᠡ ᠬᠤᠳᠠ ᠶᠢᠨ ᠬᠢᠵᠢᠭ新城疫疫情 ᠢᠯᠡᠷᠡᠬᠦ᠂ ᠪᠣᠶᠣ ᠬᠢᠵᠢᠭ ᠶᠢ ᠴᠡᠭ 10 ᠠᠴᠠ ᠲᠠᠪᠠᠭ᠋ᠣ᠃     ︵4︶ ᠲᠠᠯᠳᠠ ᠬᠤᠭᠤᠴᠠᠭᠠᠨ ᠳᠤ ᠪᠠᠨ᠂ 1 ᠠᠶᠢᠮᠠᠭ ᠬᠤᠳᠠ ᠶᠢᠨ ᠵᠠᠰᠠᠭ ᠵᠠᠬᠢᠷᠭᠠᠨ ᠤ ᠬᠦᠷᠢᠶ᠎ᠠ ᠴᠠᠷᠠᠭ᠎ᠠ ᠲᠣᠳᠣᠷ᠎ᠠ 5 ᠠᠴᠠ ᠲᠡᠭᠡᠭᠰᠢ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠪᠷᠦ᠋ᠽᠧᠯ ᠤᠨ ᠰᠠᠪᠬᠠᠨᠴᠢᠷ ᠪᠠᠺᠲ᠋ᠧᠷᠢ ᠡᠪᠡᠳᠴᠢᠨ᠂ ᠰᠦᠷᠢᠶ᠎ᠡ ᠡᠪᠡᠳᠴᠢᠨ᠂ ᠭᠠᠯᠵᠠᠭᠤ ᠡᠪᠡᠳᠴᠢᠨ᠂ ᠪᠣᠭᠤᠮ᠎ᠠ ᠵᠡᠷᠭᠡ ᠬᠤᠶᠠᠳᠣᠭᠠᠷ ᠲᠦᠷᠦᠯ  ᠤᠨ ᠠᠮᠢᠳᠠᠨ ᠤ ᠬᠢᠵᠢᠭ ᠡᠪᠡᠳᠴᠢᠨ ᠢᠯᠡᠷᠡᠬᠦ᠃     ︵5︶ ᠬᠠᠯᠳᠠᠪᠦᠷᠢᠳᠦ ᠴᠢᠨᠠᠷ ᠢᠶᠠᠷ ᠦᠨᠳᠦᠷ ᠵᠢᠭᠦᠷᠳᠡᠨ ᠤ ᠬᠢᠵᠢᠭ ︵H5N1᠂ H7N7 ᠪᠣᠯᠣᠨ H7N9 ᠪᠠᠷ ᠲᠦᠯᠦᠭᠡᠯᠡᠨ᠎ᠡ︶᠂ ᠰᠢᠯᠦᠬᠡᠢ᠂ ᠪᠣᠭᠤᠮ᠎ᠠ ᠵᠡᠷᠭᠡ ᠬᠠᠯᠳᠠᠪᠦᠷᠢᠯᠠᠬᠤ ᠴᠢᠨᠠᠷᠳᠠᠢ ᠁ ᠁ ᠁     ︵6︶ ᠠᠶᠢᠮᠠᠭ ᠬᠤᠳᠠ ᠤᠨ ᠲᠡᠰ ᠤᠨ ᠲᠡᠭᠡᠭᠰᠢᠬᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ  ᠶᠢᠨ ᠰᠠᠯᠠᠭ᠎ᠠ ᠮᠦᠴᠢᠷ ᠤᠨ ᠲᠣᠭᠳᠠᠭᠠᠭᠰᠠᠨ ᠪᠣᠰᠣᠳ ᠨᠡᠯᠢᠶᠡᠳ ᠭᠡᠨᠡᠳᠳᠡ ᠡᠭᠦᠰᠬᠦ ᠬᠢᠵᠢᠭ᠃     4. ᠡᠩ ᠤᠨ ᠭᠡᠨᠡᠳᠳᠡ ᠡᠭᠦᠰᠬᠦ ᠬᠢᠵᠢᠭ ︵Ⅳ ᠲᠡᠰ︶     ︵1︶ ᠬᠠᠯᠳᠠᠪᠦᠷᠢᠳᠦ ᠴᠢᠨᠠᠷ ᠢᠶᠠᠷ ᠦᠨᠳᠦᠷ ᠵᠢᠭᠦᠷᠳᠡᠨ ᠤ ᠬᠢᠵᠢᠭ ︵H5N1᠂ H7N7 ᠪᠣᠯᠣᠨ H7N9 ᠪᠠᠷ ᠲᠦᠯᠦᠭᠡᠯᠡᠨ᠎ᠡ︶᠂ ᠰᠢᠯᠦᠭᠡᠢ᠂ ᠭᠠᠭ᠋ᠠᠢ ᠶᠢᠨ ᠬᠢᠵᠢᠭ᠂ ᠬᠠᠯᠳᠠᠪᠦᠷᠢᠳᠦ ᠴᠢᠨᠠᠷ ᠢᠶᠠᠷ ᠦᠨᠳᠦᠷ ᠭᠠᠭ᠋ᠠᠢ  ᠶᠢᠨ ᠬᠦᠬᠡ ᠴᠢᠬᠢᠳᠦ ᠡᠪᠡᠳᠴᠢᠨ猪蓝耳病᠂ ᠭᠠᠭ᠋ᠠᠢ ᠶᠢᠨ ᠬᠡᠯᠬᠢᠶᠡᠵᠢᠯ ᠪᠦᠮᠪᠦᠭᠡᠨ ᠪᠠᠺᠲ᠋ᠧᠷᠢ᠂ ᠰᠢᠨ᠎ᠡ ᠬᠤᠳᠠ ᠶᠢᠨ ᠬᠢᠵᠢᠭ新城疫疫情 1 ᠬᠤᠰᠢᠭᠤ ᠰᠢᠶᠠᠨ ︵ᠬᠤᠳᠠ᠂ ᠲᠣᠭᠤᠷᠢᠭ︶ ᠤ ᠵᠠᠰᠠᠭ ᠵᠠᠬᠢᠷᠭᠠᠨ ᠤ ᠬᠦᠷᠢᠶ᠎ᠡ ᠴᠠᠷᠠᠭ᠎ᠠ ᠲᠣᠳᠣᠷ᠎ᠠ ᠢᠯᠡᠷᠡᠬᠦ᠃     ︵2︶ ᠬᠤᠶᠠᠷ᠂ ᠭᠤᠷᠪᠠᠳᠣᠭᠠᠷ ᠲᠦᠷᠦᠯ ᠶᠢ ᠠᠮᠢᠳᠠᠨ ᠤ ᠬᠢᠵᠢᠭ 1 ᠬᠤᠰᠢᠭᠤ ᠰᠢᠶᠠᠨ ︵ᠬᠤᠳᠠ᠂ ᠲᠣᠭᠤᠷᠢᠭ︶ ᠤ ᠵᠠᠰᠠᠭ ᠵᠠᠬᠢᠷᠭᠠᠨ ᠤ ᠬᠦᠷᠢᠶ᠎ᠡ ᠴᠠᠷᠠᠭ᠎ᠠ ᠲᠣᠳᠣᠷ᠎ᠠ ᠶᠡᠭᠡ ᠪᠠᠷ ᠲᠡᠯᠭᠡᠷᠡᠬᠦ᠃     ︵3︶ ᠬᠤᠰᠢᠭᠤ ᠰᠢᠶᠠᠨ ᠤ ᠲᠡᠰ ᠠᠴᠠ ᠲᠡᠭᠡᠭᠰᠢᠬᠢ ᠮᠡᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ  ᠶᠢᠨ ᠰᠠᠯᠠᠭ᠎ᠠ ᠮᠦᠴᠢᠷ ᠤᠨ ᠲᠣᠭᠳᠠᠭᠠᠭᠰᠠᠨ ᠪᠣᠰᠣᠳ ᠨᠡᠯᠢᠶᠡᠳ ᠭᠡᠨᠡᠳᠳᠡ ᠡᠭᠦᠰᠬᠦ ᠬᠢᠵᠢᠭ᠃ ᠭᠡᠨᠡᠳᠳᠡ ᠡᠭᠦᠰᠬᠦ ᠠᠮᠢᠳᠠᠨ ᠤ ᠬᠢᠵᠢᠭ ᠢ ᠴᠠᠭ ᠲᠣᠬᠠᠢ ᠳᠤ ᠨᠢ ᠪᠦᠳᠦᠮᠵᠢ ᠲᠠᠢ ᠠᠷᠭᠠᠴᠠᠬᠤ ᠶᠢᠨ ᠲᠣᠰᠠᠳᠠ᠂ ᠬᠤᠰᠢᠭᠤᠨ ᠤ ᠮᠡᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠰᠠᠪᠠ ᠲᠣᠳᠣᠷ᠎ᠠ ᠡᠭᠦᠰᠦᠭᠰᠡᠨ ᠬᠢᠵᠢᠭ ᠤᠨ ᠪᠣᠳᠠᠳᠠᠢ ᠪᠠᠶᠢᠳᠠᠯ᠂ ᠠᠷᠭᠠᠴᠠᠬᠤ ᠴᠢᠳᠠᠪᠬᠢ ᠪᠠᠨ ᠣᠶᠠᠯᠳᠣᠭᠤᠯᠣᠨ᠂ ᠨᠡᠯᠢᠶᠡᠳ ᠶᠡᠭᠡ ᠪᠣᠯᠣᠨ ᠡᠩ ᠤᠨ ᠠᠮᠢᠳᠠᠨ ᠤ ᠬᠢᠵᠢᠭ ᠢ ᠲᠡᠰ ᠪᠠᠷᠢᠮᠵᠢᠶ᠎ᠠ ᠬᠤᠪᠢᠶᠠᠨ ᠲᠣᠬᠢᠷᠠᠭᠤᠯᠣᠯᠳᠠ ᠬᠢᠵᠣ᠂ ᠬᠤᠰᠢᠭᠤ ᠵᠠᠰᠠᠭ  ᠤᠨ ᠣᠷᠳᠣᠨ ᠪᠣᠯᠣᠨ ᠬᠤᠳᠠ ᠶᠢᠨ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ  ᠲᠤ ᠮᠡᠳᠡᠭᠦᠯᠦᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠲᠣᠰ ᠭᠠᠵᠠᠷ ᠣᠷᠣᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠵᠢᠴᠢ ᠠᠵᠢᠯ ᠤᠨ ᠱᠠᠭᠠᠷᠳᠠᠯᠭ᠎ᠠ ᠪᠠᠨ ᠦᠨᠳᠦᠰᠦᠯᠡᠨ᠂ ᠲᠡᠰ ᠪᠠᠷᠢᠮᠵᠢᠶ᠎ᠠ ᠬᠤᠪᠢᠶᠠᠨ ᠲᠣᠬᠢᠷᠠᠭᠤᠯᠵᠣ᠂ ᠬᠤᠳᠠ ᠶᠢᠨ ᠵᠠᠰᠠᠭ ᠤᠨ ᠣᠷᠳᠣᠨ ᠪᠣᠯᠣᠨ ᠬᠤᠳᠠ ᠶᠢᠨ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ᠎ᠡ᠃     ︵ᠲᠦᠷᠪᠡ︶ ᠬᠡᠷᠡᠭᠯᠡᠬᠦ ᠬᠦᠷᠢᠶ᠎ᠡ ᠬᠡᠪᠴᠢᠶ᠎ᠡᠲᠣᠰ ᠲᠦᠰᠦᠯ ᠢ ᠣᠳᠤᠭ ᠤᠨ ᠡᠮᠦᠨᠡᠳᠦ ᠬᠤᠰᠢᠭᠤᠨ ᠤ ᠵᠠᠰᠠᠭ ᠵᠠᠬᠢᠷᠭᠠᠨ ᠤ ᠬᠦᠷᠢᠶ᠎ᠠ ᠴᠠᠷᠠᠭ᠎ᠠ ᠲᠣᠳᠣᠷ᠎ᠠ ᠬᠡᠷᠡᠭᠵᠢᠭᠦᠯᠵᠣ᠂ ᠮᠠᠯ ᠠᠵᠣ ᠠᠬᠤᠢ ᠶᠢᠨ ᠪᠦᠳᠦᠭᠡᠭᠳᠡᠭᠦᠨ ᠢ ᠬᠦᠨᠳᠦ ᠪᠠᠷ ᠬᠤᠬᠢᠷᠠᠭᠤᠯᠬᠤ ᠪᠠ ᠨᠡᠶᠢᠭᠡᠮ ᠨᠡᠶᠢᠳᠡ  ᠶᠢᠨ ᠡᠷᠡᠭᠦᠯ ᠬᠠᠮᠠᠭᠠᠯᠠᠯ ᠤᠨ ᠠᠮᠣᠷ ᠲᠦᠪᠰᠢᠨ ᠵᠢᠴᠢ ᠣᠯᠠᠨ ᠨᠡᠶᠢᠳᠡ ᠶᠢᠨ ᠡᠷᠡᠭᠦᠯ ᠴᠢᠬᠢᠷᠠᠭ ᠢ ᠶᠡᠭᠡ ᠪᠠᠷ ᠨᠦᠯᠦᠭᠡᠯᠡᠭᠰᠡᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠪᠣᠯᠣᠨ᠎ᠠ᠃     ︵ᠲᠠᠪᠤ︶ ᠠᠵᠢᠯ ᠤᠨ ᠵᠠᠷᠴᠢᠮ     1. ᠨᠢᠭᠡᠳᠦᠯᠳᠡᠢ ᠣᠳᠣᠷᠢᠳᠣᠨ᠂ ᠲᠡᠰ ᠬᠤᠪᠢᠶᠠᠨ ᠬᠠᠮᠢᠶᠠᠷᠣᠨ᠎ᠠ᠃ ᠬᠤᠰᠢᠭᠤᠨ ᠤ ᠬᠦᠨᠳᠦ ᠶᠡᠭᠡ ᠠᠮᠢᠳᠠᠨ  ᠤ ᠬᠢᠵᠢᠭ ᠢ ᠠᠷᠭᠠᠴᠠᠬᠤ ᠵᠢᠯᠣᠭᠤᠳᠬᠤ ᠬᠡᠯᠳᠡᠰ ᠨᠢᠭᠡᠳᠦᠯᠳᠡᠢ ᠣᠳᠣᠷᠢᠳᠣᠨ ᠵᠢᠯᠣᠭᠤᠣᠴᠦ ᠲᠣᠰ ᠬᠤᠰᠢᠭᠤᠨ ᠤ ᠵᠠᠰᠠᠭ ᠵᠠᠬᠢᠷᠭᠠᠨ ᠤ ᠬᠦᠷᠢᠶ᠎ᠡ ᠴᠠᠷᠠᠭ᠎ᠠ ᠲᠣᠳᠣᠷ᠎ᠠ ᠡᠭᠦᠰᠦᠭᠰᠡᠨ ᠬᠦᠨᠳᠦ ᠶᠡᠭᠡ ᠠᠮᠢᠳᠠᠨ ᠤ ᠬᠢᠵᠢᠭ ᠢ ᠠᠷᠭᠠᠴᠠᠨ ᠰᠢᠢᠳᠪᠦᠷᠢᠯᠡᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠭᠤᠣᠯ ᠣᠳᠣᠷᠢᠳᠣᠯᠭ᠎ᠠ ᠪᠣᠯ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠤᠨ ᠨᠢᠭᠡᠳᠦᠭᠡᠷ ᠬᠠᠷᠢᠭᠤᠴᠠᠯᠭᠠᠳᠠᠨ᠂ ᠬᠤᠪᠢᠳᠠᠨ ᠬᠠᠮᠢᠶᠠᠷᠬᠤ ᠣᠳᠣᠷᠢᠳᠣᠯᠭ᠎ᠠ ᠨᠢ ᠰᠢᠭᠤᠳ ᠬᠠᠷᠢᠭᠤᠴᠠᠯᠭᠠᠳᠠᠨ ᠪᠣᠯᠣᠨ᠎ᠠ᠃ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠶ᠎ᠠ ᠭᠠᠵᠠᠷ ᠤᠨ ᠬᠠᠮᠢᠶᠠᠷᠣᠯᠳᠠ ᠶᠢᠨ ᠵᠠᠷᠴᠢᠮ ᠬᠡᠷᠡᠭᠵᠢᠭᠦᠯᠦᠨ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠬᠦᠷᠢᠶ᠎ᠡ ᠴᠠᠷᠠᠭ᠎ᠠ ᠲᠣᠳᠣᠷᠠᠬᠢ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠣᠰᠠᠳᠬᠠᠬᠤ ᠠᠵᠢᠯ ᠢ ᠬᠠᠷᠢᠭᠤᠴᠠᠵᠣ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠡᠯᠡᠳᠬᠡᠯ ᠲᠦᠰᠦᠯ ᠤᠨ ᠲᠣᠭᠳᠠᠭᠠᠯ ᠢ ᠦᠨᠳᠦᠰᠦᠯᠡᠨ᠂ ᠦᠪᠡᠷ ᠤᠨ ᠡᠭᠦᠷᠭᠡ ᠲᠣᠰᠢᠶᠠᠯ ᠤᠨ ᠬᠡᠪᠴᠢᠶᠡᠨ ᠳᠤ ᠪᠠᠨ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠯᠪᠣᠭᠳᠠᠯ ᠪᠦᠬᠦᠢ ᠠᠵᠢᠯ ᠢ ᠰᠠᠶᠢᠳᠦᠷ ᠬᠢᠬᠦ ᠬᠡᠷᠡᠭᠳᠡᠢ᠃ ᠭᠡᠨᠡᠳᠳᠡ ᠶᠢᠨ ᠬᠦᠨᠳᠦ ᠶᠡᠭᠡ ᠠᠮᠢᠳᠠᠨ  ᠤ ᠬᠢᠵᠢᠭ ᠤᠨ ᠪᠠᠶᠢᠳᠠᠯ ᠤᠨ ᠬᠦᠷᠢᠶ᠎ᠡ ᠬᠡᠪᠴᠢᠶ᠎ᠠ᠂ ᠰᠢᠨᠵᠢ ᠴᠢᠨᠠᠷ ᠪᠣᠯᠣᠨ ᠬᠤᠣᠷ ᠬᠦᠨᠦᠭᠡᠯ ᠤᠨ ᠬᠡᠮᠵᠢᠶ᠎ᠡ ᠶᠢ ᠦᠨᠳᠦᠰᠦᠯᠡᠨ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠳᠤ ᠪᠣᠳᠠᠳᠠᠢ ᠲᠡᠰ ᠢ ᠬᠤᠪᠢᠶᠠᠨ ᠬᠠᠮᠢᠶᠠᠷᠴᠦ᠂Ⅰ᠂Ⅱ ᠲᠡᠰ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠠᠮᠢᠶᠠᠷᠴᠦ᠂Ⅲ᠂ Ⅳ ᠲᠡᠰ ᠢ ᠬᠤᠳᠠ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠠᠮᠢᠶᠠᠷᠣᠨ᠎ᠠ᠃     2. ᠬᠠᠮᠤᠭ ᠲᠦᠷᠭᠡᠨ ᠢᠶᠠᠷ ᠲᠣᠰᠬᠠᠵᠣ᠂ ᠦᠨᠳᠦᠷ ᠪᠦᠳᠦᠮᠵᠢ ᠪᠠᠷ ᠠᠵᠢᠯᠯᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠮᠡᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ ᠰᠠᠯᠠᠭ᠎ᠠ ᠮᠦᠴᠢᠷ ᠬᠠᠮᠢᠶ᠎ᠠ ᠪᠦᠬᠦᠢ ᠬᠠᠣᠯᠢ ᠲᠦᠷᠢᠮ ᠬᠠᠣᠯᠢ ᠲᠣᠭᠳᠠᠭᠠᠯ ᠢ ᠦᠨᠳᠦᠰᠦᠯᠡᠨ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ  ᠤᠨ ᠪᠠᠶᠢᠳᠠᠯ ᠢ ᠠᠷᠭᠠᠴᠠᠬᠤ ᠲᠣᠭᠳᠠᠯᠴᠠᠭ᠎ᠠ᠂ ᠪᠠᠴᠢᠮ ᠢ ᠠᠷᠭᠠᠴᠠᠨ ᠲᠣᠰᠬᠠᠬᠤ ᠪᠠᠶᠢᠭᠤᠯᠣᠮᠵᠢ ᠪᠣᠯᠣᠨ ᠪᠠᠴᠢᠮ ᠢ ᠠᠷᠭᠠᠴᠠᠨ ᠰᠢᠢᠳᠪᠦᠷᠢᠯᠡᠬᠦ ᠲᠦᠷᠢᠮ ᠪᠠᠶᠢᠭᠤᠯᠣᠨ ᠲᠡᠭᠦᠯᠳᠡᠷᠵᠢᠭᠦᠯᠵᠣ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠡᠪᠬᠢ ᠪᠠᠨ ᠲᠡᠭᠡᠭᠰᠢᠯᠡᠭᠦᠯᠦᠨ᠎ᠡ᠃ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢᠯᠡᠷᠡᠪᠡᠯ᠂ ᠬᠤᠰᠢᠭᠤ᠂ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠲᠠᠷᠣᠢ ᠲᠦᠷᠭᠡᠨ ᠲᠣᠰᠬᠠᠯ ᠭᠠᠷᠭᠠᠨ᠂ ᠠᠷᠭ᠎ᠠ ᠬᠡᠮᠵᠢᠶ᠎ᠡ ᠠᠪᠴᠦ᠂ ᠴᠠᠭ ᠲᠣᠬᠠᠢ ᠳᠤ ᠨᠢ ᠡᠵᠡᠮᠳᠡᠨ ᠣᠰᠠᠳᠬᠠᠨ᠎ᠠ᠃     3. ᠰᠡᠷᠭᠡᠶᠢᠯᠡᠬᠦ ᠪᠠᠷ ᠭᠤᠣᠯ ᠪᠣᠯᠭᠠᠵᠣ᠂ ᠰᠦᠷᠦᠭ ᠢᠶᠠᠷ ᠰᠡᠷᠭᠡᠶᠢᠯᠡᠨ ᠰᠦᠷᠦᠭ ᠢᠶᠠᠷ ᠡᠵᠡᠮᠳᠡᠨ᠎ᠡ᠃ ᠰᠡᠷᠭᠡᠶᠢᠯᠡᠬᠦ ᠭᠤᠣᠯ ᠪᠣᠯᠭᠠᠬᠤ ᠴᠢᠭᠯᠡᠯ ᠢ ᠲᠣᠣᠱᠯᠠᠭᠤᠯᠣᠨ᠂ ᠠᠮᠢᠳᠠᠨ ᠤ ᠬᠢᠵᠢᠭ ᠰᠡᠷᠭᠡᠶᠢᠯᠡᠬᠦ ᠮᠡᠳᠡᠯᠭᠡ ᠶᠢᠨ ᠣᠬᠠᠭᠤᠯᠭ᠎ᠠ ᠶᠢ ᠴᠢᠩᠭᠠᠳᠬᠠᠵᠣ᠂ ᠪᠦᠬᠦ ᠨᠡᠶᠢᠭᠡᠮ ᠤᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠰᠡᠷᠭᠡᠶᠢᠯᠡᠬᠦ ᠣᠬᠠᠮᠰᠠᠷ ᠢ ᠲᠡᠭᠡᠭᠰᠢᠯᠡᠭᠦᠯᠦᠨ᠎ᠡ᠃ ᠣᠯᠠᠨ ᠲᠦᠮᠡᠨ ᠢ ᠲᠦᠰᠢᠭᠯᠡᠨ᠂ ᠪᠦᠬᠦ ᠠᠷᠠᠳ ᠢᠶᠠᠷ ᠬᠢᠵᠢᠭ ᠢ ᠰᠡᠷᠭᠡᠶᠢᠯᠡᠵᠣ᠂ ᠡᠬᠢ ᠪᠠᠶᠠᠯᠢᠭ ᠢ ᠲᠠᠶᠢᠴᠢᠯᠠᠨ ᠰᠦᠷᠦᠭ ᠢᠶᠠᠷ ᠰᠡᠷᠭᠡᠶᠢᠯᠡᠨ ᠰᠦᠷᠦᠭ ᠢᠶᠠᠷ ᠡᠵᠡᠮᠳᠡᠬᠦ ᠶᠢ ᠰᠠᠶᠢᠳᠦᠷ ᠬᠢᠨ᠎ᠡ︔ ᠡᠯ᠎ᠡ ᠲᠦᠷᠦᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠣᠨ᠂ ᠠᠵᠢᠯᠳᠠᠨ᠂ ᠮᠡᠷᠭᠡᠵᠢᠯ᠂ ᠪᠣᠳᠠᠰ ᠪᠣᠯᠣᠨ ᠲᠦᠬᠦᠭᠡᠷᠦᠮᠵᠢ ᠶᠢ ᠨᠦᠭᠡᠴᠡᠯᠡᠬᠦ ᠠᠵᠢᠯ ᠢ ᠰᠠᠶᠢᠳᠦᠷ ᠬᠢᠵᠣ᠂ ᠲᠣᠭᠳᠠᠭᠰᠠᠨ ᠬᠤᠭᠤᠴᠠᠭ᠎ᠠ ᠲᠠᠢ ᠮᠡᠷᠭᠡᠵᠢᠯ ᠤᠨ ᠪᠣᠯᠪᠠᠰᠣᠷᠠᠯ ᠪᠣᠯᠣᠨ ᠪᠠᠴᠢᠮ ᠢ ᠠᠷᠭᠠᠴᠠᠬᠤ ᠰᠣᠷᠢᠯᠳᠠ ᠦᠷᠨᠢᠭᠦᠯᠦᠨ᠎ᠡ︔ ᠬᠢᠵᠢᠭ ᠤᠨ ᠪᠠᠶᠢᠳᠠᠯ ᠢ ᠰᠢᠯᠭᠠᠨ ᠬᠡᠮᠵᠢᠬᠦ ᠪᠠ ᠣᠷᠢᠳᠴᠢᠯᠠᠨ ᠰᠡᠷᠡᠮᠵᠢᠯᠡᠭᠦᠯᠵᠣ ᠣᠷᠢᠳᠴᠢᠯᠠᠨ ᠮᠡᠳᠡᠭᠦᠯᠬᠦ ᠠᠵᠢᠯᠯᠠᠭ᠎ᠠ ᠦᠷᠨᠢᠭᠦᠯᠦᠨ᠂ ᠡᠯ᠎ᠡ ᠲᠦᠷᠦᠯ ᠡᠭᠦᠰᠬᠦ ᠪᠣᠯᠣᠯᠴᠠᠭ᠎ᠠ ᠲᠠᠢ ᠬᠦᠨᠳᠦ ᠶᠡᠭᠡ ᠠᠮᠢᠳᠠᠨ ᠤ ᠭᠢᠵᠢᠭ ᠤᠨ ᠪᠠᠶᠢᠳᠠᠯ ᠢ ᠴᠠᠭ ᠲᠣᠬᠠᠢ ᠳᠤ ᠨᠢ ᠵᠠᠳᠠᠯᠣᠨ᠂ ᠣᠷᠢᠳᠴᠢᠯᠠᠨ ᠰᠡᠷᠡᠮᠵᠢᠯᠡᠭᠦᠯᠵᠣ᠂ ᠬᠢᠵᠢᠭ ᠤᠨ ᠪᠠᠶᠢᠳᠠᠯ ᠢ ᠡᠷᠳᠡ ᠣᠯᠵᠣ ᠮᠡᠳᠡᠨ᠂ ᠲᠦᠷᠭᠡᠨ ᠬᠦᠳᠡᠯᠦᠯᠴᠡᠨ ᠴᠢᠩᠭ᠎ᠠ ᠰᠢᠢᠳᠪᠦᠷᠢᠯᠡᠨ᠎ᠡ᠃     ᠬᠤᠶᠠᠷ᠂ ᠪᠠᠴᠢᠮ ᠢ ᠠᠷᠭᠠᠴᠠᠬᠤ ᠵᠣᠬᠢᠶᠠᠨ ᠪᠠᠶᠢᠭᠤᠯᠣᠯᠳᠠ ᠶᠢᠨ ᠲᠣᠭᠳᠠᠯᠴᠠᠭ᠎ᠠ ᠪᠣᠯᠣᠨ ᠡᠭᠦᠷᠭᠡ ᠬᠠᠷᠢᠭᠤᠴᠠᠯᠭ᠎ᠠ     ︵ᠨᠢᠭᠡ︶ ᠪᠠᠴᠢᠮ ᠢ ᠠᠷᠭᠠᠴᠠᠬᠤ ᠵᠢᠯᠣᠭᠤᠳᠬᠤ ᠪᠠᠶᠢᠭᠤᠯᠣᠮᠵᠢ ᠵᠢᠴᠢ ᠪᠣᠰᠣᠳ ᠡᠭᠦᠷᠭᠡ ᠬᠠᠷᠢᠭᠤᠴᠠᠯᠭ᠎ᠠ     ᠬᠤᠰᠢᠭᠤ ᠠᠷᠠᠳ ᠤᠨ ᠵᠠᠰᠠᠭ ᠤᠨ ᠣᠷᠳᠣᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠠᠷᠭᠠᠴᠠᠨ ᠵᠢᠯᠣᠭᠤᠳᠬᠤ ᠬᠡᠯᠳᠡᠰ ᠪᠠᠶᠢᠭᠤᠯᠣᠨ ︵ᠲᠣᠣᠷ᠎ᠠ ᠵᠢᠯᠣᠭᠤᠳᠬᠤ ᠬᠡᠯᠳᠡᠰ ᠭᠡᠨ᠎ᠡ︶᠂ ᠮᠠᠯᠵᠢᠬᠤ ᠲᠠᠷᠢᠶᠠᠯᠠᠬᠤ ᠣᠷᠣᠨ  ᠤ ᠠᠵᠢᠯ ᠢ ᠬᠤᠪᠢᠳᠠᠨ ᠬᠠᠮᠢᠶᠠᠷᠣᠭᠴᠢ ᠬᠤᠰᠢᠭᠤ ᠲᠡᠳ᠋ ᠲᠠᠷᠤᠭ᠎ᠠ ᠬᠤᠰᠢᠭᠤᠨ ᠤ ᠬᠦᠨᠳᠦ ᠶᠡᠭᠡ ᠠᠮᠢᠳᠠᠨ ᠤ ᠬᠢᠵᠢᠭ  ᠤᠨ ᠪᠠᠶᠢᠳᠠᠯ ᠢ ᠠᠷᠭᠠᠴᠠᠨ ᠵᠢᠯᠣᠭᠤᠳᠬᠤ ᠬᠡᠯᠳᠡᠰ ᠤᠨ ᠵᠢᠯᠣᠭᠤᠳᠣᠭᠴᠢ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠬᠤᠪᠢᠳᠠᠨ ᠬᠠᠮᠢᠶᠠᠷᠣᠭᠴᠢ ᠲᠡᠳ᠋ ᠪᠠᠶᠢᠴᠭᠠᠨ ᠰᠣᠳᠣᠯᠣᠭᠴᠢ ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶᠠᠨ ᠲᠠᠷᠤᠭ᠎ᠠ ᠲᠡᠳ᠋ ᠵᠢᠯᠣᠭᠤᠳᠣᠭᠴᠢ ᠶᠢᠨ ᠲᠣᠰᠢᠶᠠᠯ ᠡᠭᠦᠷᠭᠡᠯᠡᠨ᠎ᠡ᠃ ᠵᠢᠯᠣᠭᠤᠳᠬᠤ ᠬᠡᠯᠳᠡᠰ ᠤᠨ ᠭᠡᠰᠢᠭᠦᠳ ᠢ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠤᠨ ᠰᠢᠨᠵᠢ ᠴᠢᠨᠠᠷ ᠪᠣᠯᠣᠨ ᠪᠠᠴᠢᠮ ᠢ ᠠᠷᠭᠠᠴᠠᠨ ᠰᠢᠢᠳᠪᠦᠷᠢᠯᠡᠬᠦ ᠱᠠᠭᠠᠷᠳᠠᠯᠭ᠎ᠠ ᠪᠠᠨ ᠦᠨᠳᠦᠰᠦᠯᠡᠨ ᠲᠣᠭᠳᠠᠭᠠᠵᠣ᠂ ᠭᠤᠣᠯᠳᠠᠭᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠣᠪᠴᠢᠶ᠎ᠠ᠂ ᠬᠤᠰᠢᠭᠤᠨ ᠤ ᠡᠳ᠋  ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠬᠢᠨᠡᠨ ᠪᠠᠶᠢᠴᠠᠭᠠᠬᠤ ᠲᠣᠪᠴᠢᠶ᠎ᠠ᠂ ᠬᠤᠰᠢᠭᠤᠨ ᠤ ᠵᠠᠬ᠎ᠠ ᠲᠡᠯᠭᠡᠭᠦᠷ  ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ᠂ ᠬᠤᠰᠢᠭᠤᠨ ᠤ ᠬᠦᠮᠦᠨ ᠤ ᠬᠦᠴᠦ ᠪᠣᠯᠣᠨ ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠂ ᠬᠤᠰᠢᠭᠤᠨ ᠤ ᠠᠵᠣ ᠠᠬᠤᠢ ᠪᠣᠯᠣᠨ ᠮᠡᠳᠡᠭᠡ ᠵᠠᠩᠬᠢ ᠶᠢᠨ ᠲᠣᠪᠴᠢᠶ᠎ᠠ ᠂ ᠬᠤᠰᠢᠭᠤᠨ ᠤ ᠣᠢ ᠰᠢᠭᠤᠢ ᠶᠢᠨ ᠲᠣᠪᠴᠢᠶ᠎ᠠ᠂ ᠬᠤᠰᠢᠭᠤᠨ ᠤ ᠣᠷᠴᠢᠨ ᠬᠠᠮᠠᠭᠠᠯᠠᠯᠳᠠ ᠶᠢᠨ ᠲᠣᠪᠴᠢᠶ᠎ᠠ᠂ ᠬᠤᠰᠢᠭᠤᠨ ᠤ ᠵᠡᠪᠰᠡᠭᠳᠦ ᠬᠦᠴᠦᠨ ᠤ ᠬᠡᠯᠳᠡᠰ᠂ ᠵᠡᠪᠰᠡᠭᠳᠦ ᠴᠠᠭᠳᠠᠭᠠᠨ ᠤ ᠲᠣᠮᠳᠠᠳᠦ ᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠭᠤᠴᠠᠯᠭᠠᠳᠠᠨ ᠢᠶᠠᠷ ᠪᠦᠷᠢᠯᠳᠦᠨ᠎ᠡ᠃     ᠵᠢᠯᠣᠭᠤᠳᠬᠤ ᠬᠡᠯᠳᠡᠰ ᠤᠨ ᠡᠭᠦᠷᠭᠡ ᠬᠠᠷᠢᠭᠤᠴᠠᠯᠭ᠎ᠠ᠄ ᠪᠦᠬᠦ ᠬᠤᠰᠢᠭᠤᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠮᠳᠠ ᠣᠷᠣᠰᠢᠵᠣ ᠪᠠᠶᠢᠭ᠎ᠠ ᠠᠰᠠᠭᠤᠳᠠᠯ ᠢ ᠰᠣᠳᠣᠯᠣᠨ ᠶᠠᠷᠢᠯᠴᠠᠵᠣ ᠰᠢᠢᠳᠪᠦᠷᠢᠯᠡᠨ᠎ᠡ︔ ᠪᠦᠬᠦ ᠬᠤᠰᠢᠭᠤᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠨᠢᠭᠡᠳᠦᠯᠳᠡᠢ ᠵᠢᠯᠣᠭᠤᠳᠴᠦ︔ ᠵᠢᠯ ᠤᠨ ᠡᠴᠦᠰ ᠤᠨ ᠠᠵᠢᠯ ᠢ ᠳ᠋ᠦᠩᠨᠡᠨ ᠪᠠᠶᠢᠷᠢᠰᠢᠭᠤᠯᠣᠨ᠎ᠠ︔ ᠲᠣᠰ ᠲᠦᠰᠦᠯ ᠢ ᠲᠣᠭᠳᠠᠭᠠᠨ ᠬᠡᠷᠡᠭᠵᠢᠭᠦᠯᠬᠦ ᠮᠦᠷᠳᠡᠭᠡᠨ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠡᠯ᠎ᠡ ᠪᠠᠯᠭᠠᠰᠣᠨ ᠤ ᠵᠠᠰᠠᠭ ᠤᠨ ᠣᠷᠳᠣᠨ ᠤ ᠲᠣᠰ ᠲᠦᠰᠦᠯ ᠢ ᠨᠠᠶᠢᠳᠠᠪᠦᠷᠢᠵᠢᠭᠤᠯᠣᠭᠰᠠᠨ ᠡᠰᠡᠬᠦ ᠶᠢ ᠬᠢᠨᠠᠯᠳᠠ ᠲᠠᠯᠪᠢᠨ᠎ᠠ︔ ᠡᠯ᠎ᠡ ᠪᠠᠯᠭᠠᠰᠣᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠣᠨ ᠬᠢᠨᠠᠨ ᠱᠠᠭᠠᠷᠳᠠᠨ᠎ᠠ︔ ᠬᠤᠳᠠ ᠶᠢᠨ ᠪᠠᠴᠢᠮ ᠢ ᠠᠷᠭᠠᠴᠠᠬᠤ ᠵᠢᠯᠣᠭᠤᠳᠬᠤ ᠬᠡᠯᠳᠡᠰ ᠤᠨ ᠲᠣᠰᠢᠶᠠᠭᠰᠠᠨ ᠪᠣᠰᠣᠳ ᠵᠢᠯ ᠢ ᠰᠠᠶᠢᠳᠦᠷ ᠪᠡᠶᠡᠯᠡᠭᠦᠯᠦᠨ᠎ᠡ᠃     ︵ᠬᠤᠶᠠᠷ︶ ᠡᠳᠦᠷ ᠲᠣᠳᠣᠮ ᠤᠨ ᠬᠠᠮᠢᠶᠠᠷᠣᠯᠳᠠ ᠶᠢᠨ ᠪᠠᠶᠢᠭᠤᠯᠣᠮᠵᠢ ᠪᠣᠯᠣᠨ ᠪᠣᠰᠣᠳ ᠡᠭᠦᠷᠭᠡ ᠬᠠᠷᠢᠭᠤᠴᠠᠯᠭ᠎ᠠ     ᠵᠢᠯᠣᠭᠤᠳᠬᠤ ᠬᠡᠯᠳᠡᠰ ᠤᠨ ᠠᠯᠪᠠᠨ ᠭᠡᠷ ᠪᠠᠶᠢᠭᠤᠯᠣᠨ᠂ ᠠᠯᠪᠠᠨ ᠭᠡᠷ ᠢ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶᠠᠨ ᠳᠤ ᠲᠣᠬᠢᠷᠠᠭᠤᠯᠵᠣ᠂ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶᠠᠨ ᠲᠠᠷᠤᠭ᠎ᠠ ᠠᠯᠪᠠᠨ ᠭᠡᠷ ᠤᠨ ᠡᠷᠬᠢᠯᠡᠭᠴᠢ᠂ ᠬᠤᠪᠢᠳᠠᠨ ᠬᠠᠮᠢᠶᠠᠷᠬᠤ ᠲᠡᠳ᠋ ᠲᠣᠪᠴᠢᠶᠠᠨ ᠲᠠᠷᠤᠭ᠎ᠠ ᠲᠡᠳ᠋ ᠡᠷᠬᠢᠯᠡᠭᠴᠢ ᠶᠢᠨ ᠲᠣᠰᠢᠶᠠᠯ ᠢ ᠡᠭᠦᠷᠭᠡᠯᠡᠨ᠎ᠡ᠃ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠵᠢᠯᠣᠭᠤᠳᠬᠤ ᠬᠡᠯᠳᠡᠰ ᠬᠠᠮᠢᠶ᠎ᠠ ᠪᠦᠬᠦᠢ ᠣᠬᠠᠭᠤᠯᠭ᠎ᠠ᠂ ᠪᠣᠯᠪᠠᠰᠣᠷᠠᠯ᠂ ᠰᠣᠷᠢᠯᠳᠠ᠂ ᠱᠠᠭᠠᠷᠳᠠᠨ ᠪᠠᠶᠢᠴᠠᠭᠠᠯᠳᠠ᠂ ᠰᠡᠷᠭᠡᠶᠢᠯᠡᠨ ᠵᠠᠰᠠᠬᠤ ᠵᠡᠷᠭᠡ ᠡᠳᠦᠷ ᠲᠣᠳᠣᠮ ᠤᠨ ᠠᠵᠢᠯ ᠢ ᠬᠠᠷᠢᠭᠤᠴᠠᠵᠣ︔ ᠪᠠᠴᠢᠮ ᠢ ᠠᠷᠭᠠᠴᠠᠨ ᠬᠢᠵᠢᠭ ᠢ ᠰᠡᠷᠭᠡᠶᠢᠯᠡᠬᠦ ᠪᠣᠳᠠᠰ ᠢ ᠲᠣᠬᠢᠷᠠᠭᠤᠯᠣᠨ᠎ᠠ︔ ᠬᠢᠵᠢᠭ ᠤᠨ ᠪᠠᠶᠢᠳᠠᠯ ᠤᠨ ᠮᠡᠳᠡᠭᠡ ᠵᠠᠩᠬᠢ᠂ ᠬᠦᠭᠵᠢᠯᠳᠡ ᠬᠠᠨᠳᠣᠰᠢ ᠪᠣᠯᠣᠨ ᠬᠠᠯᠳᠠᠪᠦᠷᠢᠯᠠᠬᠤ ᠵᠢᠮ᠎ᠠ ᠶᠣᠰᠣ ᠳᠤ ᠵᠠᠳᠠᠯᠣᠯᠳᠠ ᠬᠢᠨ᠂ ᠴᠠᠭ ᠲᠣᠬᠠᠢ ᠳᠤ ᠨᠢ ᠲᠡᠭᠡᠳᠦ ᠱᠠᠳᠣᠨ ᠤ ᠵᠢᠯᠣᠭᠤᠳᠬᠤ ᠬᠡᠯᠳᠡᠰ ᠳᠤ ᠮᠡᠳᠡᠭᠦᠯᠦᠨ᠎ᠡ︔ ᠴᠠᠭ ᠲᠣᠬᠠᠢ ᠳᠤ ᠨᠢ ᠣᠷᠢᠳᠴᠢᠯᠠᠨ ᠰᠡᠷᠡᠮᠵᠢᠯᠡᠭᠦᠯᠬᠦ ᠪᠣᠯᠣᠨ ᠪᠠᠴᠢᠮ ᠢ ᠠᠷᠭᠠᠴᠠᠬᠤ ᠰᠠᠨᠠᠭᠤᠯᠭ᠎ᠠ ᠲᠣᠷᠠᠳᠣᠨ︔ ᠵᠢᠯᠣᠭᠤᠳᠬᠤ ᠬᠡᠯᠳᠡᠰ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠣᠰᠣᠭᠠᠷ᠂ ᠬᠢᠵᠢᠭ ᠤᠨ ᠪᠠᠶᠢᠳᠠᠯ ᠢ ᠡᠵᠡᠮᠳᠡᠬᠦ ᠪᠡ ᠣᠰᠠᠳᠬᠠᠭᠬᠤ ᠠᠵᠢᠯ ᠢ ᠲᠣᠬᠢᠷᠠᠭᠤᠯᠵᠣ︔ ᠡᠯ᠎ᠡ ᠪᠠᠯᠭᠠᠰᠣ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠰᠡᠷᠭᠡᠶᠢᠯᠡᠨ ᠵᠠᠰᠠᠬᠤ ᠠᠷᠭ᠎ᠠ ᠠᠪᠴᠠᠯ ᠢ ᠨᠠᠶᠢᠳᠠᠪᠦᠷᠢᠵᠢᠭᠤᠯᠣᠭᠰᠠᠨ ᠡᠰᠡᠬᠦ ᠳᠤ ᠬᠢᠨᠠᠨ ᠪᠠᠶᠢᠴᠠᠭᠠᠯᠳᠠ ᠬᠢᠨ᠎ᠡ᠃     ︵ᠭᠤᠷᠪᠠ︶ ᠵᠢᠯᠣᠭᠤᠳᠬᠤ ᠬᠡᠯᠳᠡᠰ ᠤᠨ ᠭᠡᠰᠢᠭᠦᠨ ᠪᠠᠶᠢᠭᠤᠯᠭ᠎ᠠ ᠪᠣᠯᠣᠨ ᠪᠣᠰᠣᠳ ᠡᠭᠦᠷᠭᠡ ᠬᠠᠷᠢᠭᠤᠴᠠᠯᠭ᠎ᠠ     ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠄ ᠬᠤᠰᠢᠭᠤᠨ ᠤ ᠬᠦᠨᠳᠦ ᠶᠡᠭᠡ ᠡᠪᠡᠳᠴᠢᠨ ᠤ ᠪᠠᠴᠢᠮ ᠢ ᠠᠷᠭᠠᠴᠠᠬᠤ ᠠᠵᠢᠯ ᠢ ᠵᠢᠯᠣᠭᠤᠳᠣᠨ ᠬᠢᠨᠠᠯᠳᠠ ᠲᠠᠯᠪᠢᠬᠤ᠂ ᠬᠢᠵᠢᠭ ᠤᠨ ᠪᠠᠶᠢᠳᠠᠯ ᠢ ᠠᠷᠭᠠᠴᠠᠬᠤ ᠮᠡᠳᠡᠭᠡ ᠵᠠᠩᠬᠢ ᠶᠢ ᠬᠤᠷᠢᠶᠠᠩᠭᠤᠶᠢᠯᠠᠨ ᠲᠡᠭᠡᠭᠰᠢ ᠮᠡᠳᠡᠭᠦᠯᠬᠦ ᠪᠠ ᠰᠢᠢᠳᠪᠦᠷᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠣ︔ ᠪᠦᠬᠦ ᠬᠤᠰᠢᠭᠤᠨ ᠤ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠲᠤ ᠣᠷᠣᠯᠴᠠᠨ᠎ᠠ᠃    ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠄ ᠪᠦᠬᠦ ᠬᠤᠰᠢᠭᠤᠨ ᠤ ᠬᠦᠨᠳᠦ ᠶᠡᠭᠡ ᠠᠮᠢᠳᠠᠨ  ᠤ ᠬᠢᠵᠢᠭ ᠤᠨ ᠪᠠᠶᠢᠳᠠᠯ ᠢ ᠡᠵᠡᠮᠳᠡᠬᠦ ᠲᠦᠯᠦᠪᠵᠢᠭᠦᠯᠭᠡ ᠪᠠ ᠮᠡᠷᠭᠡᠵᠢᠯ ᠤᠨ ᠪᠣᠳᠣᠯᠭ᠎ᠠ ᠢ ᠰᠣᠳᠣᠯᠣᠨ ᠲᠣᠭᠳᠠᠭᠠᠵᠣ︔ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠣᠨᠣᠰᠢᠯᠠᠬᠤ᠂ ᠬᠢᠨᠠᠨ ᠰᠢᠯᠭᠠᠬᠤ᠂ ᠠᠵᠢᠭᠯᠠᠬᠤ᠂ ᠦᠨᠡᠯᠡᠬᠦ ᠵᠢᠴᠢ ᠰᠡᠷᠡᠮᠵᠢᠯᠡᠭᠦᠯᠬᠦ ᠲᠣᠭᠳᠠᠯᠴᠠᠭ᠎ᠠ ᠶᠢ ᠪᠠᠶᠢᠭᠤᠯᠣᠨ᠎ᠠ︔ ᠬᠢᠵᠢᠭ ᠡᠪᠡᠳᠴᠢᠨ ᠢ ᠣᠨᠣᠰᠢᠯᠠᠬᠤ ᠶᠢ ᠬᠠᠷᠢᠭᠤᠴᠠᠨ᠂ ᠬᠢᠵᠢᠭ ᠤᠨ ᠴᠡᠭ᠂ ᠬᠢᠵᠢᠭ ᠤᠨ ᠣᠷᠣᠨ᠂ ᠬᠢᠵᠢᠭ ᠲᠤ ᠨᠦᠯᠦᠭᠡᠯᠡᠭᠳᠡᠬᠦ ᠣᠷᠣᠨ ᠢ ᠵᠢᠷᠣᠨ ᠲᠣᠭᠳᠠᠭᠠᠵᠣ᠂ ᠪᠢᠳᠡᠭᠦᠮᠵᠢᠯᠡᠬᠦ ᠰᠠᠨᠠᠭᠤᠯᠭ᠎ᠠ ᠭᠠᠷᠭᠠᠨ᠎ᠠ︔ ᠠᠮᠢᠳᠠᠨ ᠵᠢᠴᠢ ᠪᠦᠳᠦᠭᠡᠭᠳᠡᠭᠦᠨ ᠢ ᠬᠢᠨᠠᠨ ᠪᠠᠶᠢᠴᠠᠭᠠᠨ ᠰᠢᠯᠭᠠᠬᠤ᠂ ᠬᠠᠣᠯᠢ ᠪᠠᠷ ᠬᠢᠨᠠᠯᠳᠠ ᠲᠠᠯᠪᠢᠬᠤ᠂ ᠬᠢᠵᠢᠭ ᠤᠨ ᠪᠠᠶᠢᠳᠠᠯ ᠢ ᠬᠢᠨᠠᠨ ᠰᠢᠯᠭᠠᠬᠤ ᠪᠠ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ︔ ᠪᠠᠴᠢᠮ ᠦᠯᠦ ᠬᠠᠯᠳᠠᠭᠠᠬᠤ ᠲᠠᠷᠢᠯᠭ᠎ᠠ᠂ ᠣᠰᠠᠳᠬᠠᠬᠤ᠂ ᠠᠷᠢᠭᠤᠳᠬᠠᠬᠤ ᠮᠡᠷᠭᠡᠵᠢᠯ ᠢ ᠵᠢᠭᠠᠨ ᠵᠢᠯᠣᠭᠤᠳᠣᠨ ᠬᠢᠨᠠᠯᠳᠠ ᠲᠠᠯᠪᠢᠬᠤ ᠶᠢ ᠬᠠᠷᠢᠭᠤᠴᠠᠨ︔ ᠪᠠᠴᠢᠮ ᠢ ᠠᠷᠭᠠᠴᠠᠨ ᠬᠢᠵᠢᠭ ᠰᠡᠷᠭᠡᠶᠢᠯᠡᠬᠦ ᠪᠣᠳᠠᠰ ᠤᠨ ᠨᠦᠭᠡᠴᠡ ᠬᠦᠮᠦᠷᠭᠡ ᠪᠠᠶᠢᠭᠤᠯᠬᠤ ᠪᠠ ᠬᠢᠵᠢᠭ ᠰᠡᠷᠭᠡᠶᠢᠯᠡᠬᠦ ᠪᠣᠳᠠᠰ ᠤᠨ ᠬᠠᠩᠭᠠᠯᠠᠭ᠎ᠠ ᠶᠢ ᠬᠠᠷᠢᠭᠤᠴᠠᠨ᠎ᠠ︔ ᠬᠤᠰᠢᠭᠤᠨ ᠤ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠰᠬᠠᠢ ᠮᠡᠷᠭᠡᠵᠢᠯᠳᠡᠨ ᠤ ᠲᠣᠭᠤᠶᠢᠯᠠᠩ ᠪᠠ ᠪᠡᠯᠡᠳᠬᠡᠯ ᠠᠩᠬᠢ ᠵᠣᠬᠢᠶᠠᠨ ᠪᠠᠶᠢᠭᠤᠯᠣᠨ ᠪᠠᠶᠢᠭᠤᠯᠬᠤ ᠶᠢ ᠬᠠᠷᠢᠭᠤᠴᠠᠨ᠂ ᠬᠢᠵᠢᠭ ᠰᠡᠷᠭᠡᠶᠢᠯᠡᠬᠦ ᠠᠵᠢᠯᠳᠠᠨ ᠬᠦᠮᠦᠵᠢᠭᠦᠯᠦᠨ᠎ᠡ︔ ᠵᠢᠯᠣᠭᠤᠳᠬᠤ ᠬᠡᠯᠳᠡᠰ ᠤᠨ ᠠᠯᠪᠠᠨ ᠭᠡᠷ ᠤᠨ ᠪᠣᠰᠣᠳ ᠡᠳᠦᠷ ᠲᠣᠳᠣᠮ ᠤᠨ ᠠᠵᠢᠯ ᠢ ᠬᠠᠷᠢᠭᠤᠴᠠᠨ᠎ᠠ᠃     ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠣᠪᠴᠢᠶ᠎ᠠ᠄ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠤᠨ ᠬᠦᠮᠦᠨ ᠤ ᠬᠤᠭᠤᠷᠣᠨᠳᠦᠬᠢ ᠰᠡᠷᠭᠡᠶᠢᠯᠡᠨ ᠵᠠᠰᠠᠬᠤ ᠮᠡᠳᠡᠯᠭᠡ ᠶᠢ ᠣᠬᠠᠭᠤᠯᠬᠤ ᠶᠢ ᠬᠠᠷᠢᠭᠤᠴᠠᠨ᠂ ᠬᠦᠮᠦᠨ ᠳᠤ ᠨᠦᠯᠦᠭᠡᠯᠡᠯ ᠲᠠᠢ ᠬᠢᠵᠢᠭ ᠢ ᠬᠢᠨᠠᠨ ᠰᠢᠯᠭᠠᠨ ᠣᠷᠢᠳᠴᠢᠯᠠᠨ ᠰᠡᠷᠭᠡᠶᠢᠯᠡᠵᠣ᠂ ᠬᠢᠵᠢᠭ  ᠤᠨ ᠪᠠᠶᠢᠳᠠᠯ ᠢ ᠣᠷᠢᠳᠴᠢᠯᠠᠨ ᠰᠢᠯᠭᠠᠬᠤ᠂ ᠮᠡᠳᠡᠭᠦᠯᠬᠦ ᠪᠠ ᠡᠪᠡᠳᠴᠢᠨ ᠤ ᠵᠢᠱᠢᠶ᠎ᠡ ᠶᠢ ᠲᠣᠰᠠᠭᠠᠷᠯᠠᠨ ᠵᠠᠰᠠᠵᠣ︔ ᠬᠢᠵᠢᠭ ᠣᠰᠠᠳᠬᠠᠬᠤ ᠠᠵᠢᠯ ᠳᠤ ᠬᠠᠮᠵᠢᠯᠴᠠᠨ᠎ᠠ᠃     ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ᠄ ᠪᠦᠬᠦ ᠬᠤᠰᠢᠭᠤᠨ ᠤ ᠬᠦᠨᠳᠦ ᠶᠡᠭᠡ ᠠᠮᠢᠳᠠᠨ ᠤ ᠬᠢᠵᠢᠭ  ᠤᠨ ᠪᠠᠴᠢᠮ ᠢ ᠠᠷᠭᠠᠴᠠᠬᠤ ᠠᠵᠢᠯ ᠤᠨ ᠵᠠᠷᠣᠳᠠᠯ ᠤᠨ ᠪᠠᠳᠣᠯᠠᠭ᠎ᠠ ᠶᠢ ᠬᠠᠷᠢᠭᠤᠴᠠᠨ᠂ ᠣᠷᠢᠳᠴᠢᠯᠠᠨ ᠵᠠᠰᠠᠬᠤ ᠵᠠᠷᠣᠳᠠᠯ ᠢ ᠡᠳ᠋ ᠤᠨ ᠵᠰᠠᠭ ᠤᠨ ᠲᠦᠰᠦᠪ ᠲᠤ ᠣᠷᠣᠭᠤᠯᠵᠣ᠂ ᠪᠠᠴᠢᠮ ᠢ ᠠᠷᠭᠠᠴᠠᠬᠤ ᠡᠮᠨᠡᠨ ᠵᠠᠰᠠᠬᠤ ᠵᠠᠷᠣᠳᠠᠯ ᠢ ᠪᠠᠳᠣᠯᠠᠨ᠂ ᠣᠯᠣᠰ ᠤᠨ ᠬᠤᠯᠪᠣᠭᠳᠠᠯ ᠪᠦᠬᠦᠢ ᠲᠣᠭᠳᠠᠭᠠᠯ ᠢ ᠦᠨᠳᠦᠰᠣᠯᠠᠨ ᠲᠣᠰᠬᠠᠢ ᠵᠣᠶᠢᠯ ᠤᠨ ᠵᠠᠷᠣᠳᠠᠯ ᠢ ᠨᠠᠶᠢᠳᠠᠪᠦᠷᠢᠵᠢᠭᠤᠯᠣᠨ᠎ᠠ᠃     ᠬᠤᠰᠢᠭᠤᠨ ᠤ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠄ ᠬᠢᠵᠢᠭᠳᠦ ᠣᠷᠣᠨ ᠤ ᠠᠮᠦᠷ ᠲᠦᠪᠰᠢᠨ ᠢ ᠬᠠᠮᠠᠭᠠᠯᠠᠬᠤ ᠪᠣᠯᠣᠨ ᠨᠡᠶᠢᠭᠡᠮ ᠤᠨ ᠲᠣᠭᠳᠠᠭᠤᠨ ᠬᠠᠮᠢᠶᠠᠷᠣᠯᠳᠠ ᠢ ᠬᠠᠷᠢᠭᠤᠴᠠᠨ᠂ ᠬᠢᠵᠢᠭᠳᠦ ᠣᠷᠣᠨ ᠤ ᠡᠷᠡᠭᠦᠯ ᠨᠡᠶᠢᠭᠡᠮ ᠤᠨ ᠡᠮᠬᠢ ᠲᠢᠭᠯᠢᠮ ᠬᠠᠮᠠᠭᠠᠯᠠᠨ᠎ᠠ︔ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠬᠢᠵᠢᠭᠳᠦ ᠣᠷᠣᠨ ᠢ ᠪᠢᠳᠡᠭᠦᠮᠵᠢᠯᠡᠬᠦ᠂ ᠲᠡᠭᠡᠭᠡᠪᠦᠷᠢ ᠶᠢᠨ ᠬᠢᠨᠠᠯᠳᠠ ᠬᠠᠮᠢᠶᠠᠷᠣᠯᠳᠠ᠂ ᠠᠯᠪᠠᠳᠠᠯᠭ᠎ᠠ ᠪᠠᠷ ᠣᠰᠠᠳᠬᠠᠬᠤ ᠪᠠ ᠡᠯ᠎ᠡ ᠲᠦᠷᠦᠯ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠣᠯᠢ ᠲᠣᠭᠳᠠᠭᠠᠯ ᠤᠨ ᠬᠡᠷᠡᠭ ᠢ ᠪᠠᠶᠢᠴᠠᠭᠠᠬᠤ ᠠᠵᠢᠯ ᠰᠠᠶᠢᠳᠦᠷ ᠬᠢᠨ᠎ᠡ︔ ᠲᠦᠷ ᠪᠠᠶᠢᠴᠠᠭᠠᠬᠤ ᠦᠷᠳᠡᠭᠡᠨ ᠳᠤ ᠪᠠᠶᠢᠴᠠᠭᠠᠬᠤ ᠪᠠ ᠪᠢᠳᠡᠭᠦᠮᠵᠢᠯᠡᠯᠳᠡ ᠶᠢ ᠬᠡᠷᠡᠭᠵᠢᠭᠦᠯᠦᠨ᠎ᠡ᠃     ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠤᠨ ᠪᠠᠴᠢᠮ ᠢ ᠠᠷᠭᠠᠴᠠᠨ ᠰᠠᠶᠢᠢᠳᠪᠦᠷᠢᠯᠡᠬᠦ ᠠᠵᠢᠯᠳᠠᠨ ᠵᠢᠴᠢ ᠰᠡᠷᠭᠡᠶᠢᠯᠡᠨ ᠵᠠᠰᠠᠬᠤ ᠡᠮ ᠤᠨ ᠵᠣᠶᠢᠯᠠᠰ᠂ ᠸᠠᠺᠽᠢᠨ᠂ ᠪᠠᠭᠠᠵᠢ ᠬᠡᠷᠡᠭᠰᠡᠯ ᠵᠡᠷᠭᠡ ᠪᠠᠴᠢᠮ ᠡᠳ᠋ ᠪᠣᠳᠠᠰ ᠪᠣᠯᠣᠨ ᠬᠠᠮᠢᠶ᠎ᠠ ᠪᠦᠬᠦᠢ ᠶᠠᠩᠵᠣ ᠶᠢᠨ ᠲᠡᠭᠡᠭᠡᠪᠦᠷᠢ ᠶᠢᠨ ᠪᠠᠳᠣᠯᠠᠭ᠎ᠠ ᠶᠢ ᠬᠠᠷᠢᠭᠤᠴᠠᠨ᠂ ᠮᠡᠯ ᠡᠮᠨᠡᠯᠭᠡ ᠶᠢᠨ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠵᠠᠰᠠᠮᠠᠯ ᠵᠠᠮ ᠵᠡᠷᠭᠡ ᠭᠦᠢᠯᠭᠡᠭᠡᠨ ᠤ ᠵᠠᠩᠭᠢᠯᠠᠭ᠎ᠠ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠢᠨᠠᠯᠳᠠ ᠪᠠᠶᠢᠴᠠᠭᠠᠯᠳᠠ ᠪᠣᠯᠣᠨ ᠬᠢᠵᠢᠭᠳᠦ ᠣᠷᠣᠨ ᠢ ᠪᠢᠳᠡᠭᠦᠮᠵᠢᠯᠡᠬᠦ ᠠᠵᠢᠯ ᠢ ᠰᠠᠶᠢᠳᠦᠷ ᠬᠢᠵᠣ᠂ ᠡᠯ᠎ᠡ ᠱᠠᠳᠣᠨ ᠤ ᠬᠢᠵᠢᠭ ᠰᠡᠷᠭᠡᠶᠢᠯᠡᠬᠦ ᠰᠠᠯᠠᠭ᠎ᠠ ᠮᠦᠴᠢᠷ ᠤᠨ ᠬᠢᠵᠢᠭ ᠰᠡᠷᠭᠡᠶᠢᠯᠡᠬᠦ ᠲᠣᠰᠬᠠᠢ ᠲᠡᠷᠭᠡ ᠳᠤ ᠡᠯ᠎ᠡ ᠭᠠᠵᠠᠷ ᠤᠨ ᠰᠣᠶᠢᠳᠬᠡᠯ ᠬᠤᠷᠢᠶᠠᠬᠤ ᠦᠷᠳᠡᠭᠡᠨ ᠤ ᠰᠣᠶᠢᠳᠬᠡᠯ ᠬᠤᠷᠢᠶᠠᠬᠤ ᠦᠭᠡᠢ ᠦᠨᠡᠮᠯᠡᠯ ᠣᠯᠭᠤᠨ᠎ᠠ᠃     ᠬᠤᠰᠢᠭᠤᠨ ᠤ ᠬᠢᠨᠡᠨ ᠪᠠᠶᠢᠴᠠᠭᠠᠬᠤ ᠲᠣᠪᠴᠢᠶ᠎ᠠ᠄ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠪᠣᠰᠣᠳ ᠠᠵᠢᠯᠳᠠᠨ ᠲᠠᠢ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠶᠠᠪᠣᠴᠠ ᠳᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠳᠠ ᠲᠠᠯᠪᠢᠵᠣ᠂ ᠠᠵᠢᠯ ᠤᠨ ᠲᠣᠮᠳᠠᠬᠢ ᠠᠯᠳᠠᠭ᠎ᠠ ᠲᠣᠳᠠᠭᠤᠳᠠᠯ᠂ ᠲᠣᠰᠢᠶᠠᠯ ᠢᠶᠠᠨ ᠭᠤᠳᠠᠭᠠᠭᠰᠠᠨ ᠵᠡᠷᠭᠡ ᠬᠠᠣᠯᠢ ᠰᠠᠬᠢᠯᠭ᠎ᠠ ᠵᠦᠷᠢᠴᠡᠭᠰᠡᠨ ᠠᠵᠢᠯᠯᠠᠭ᠎ᠠ ᠳᠤ ᠪᠠᠶᠢᠴᠠᠭᠠᠯᠳᠠ ᠬᠢᠨ᠎ᠠ᠃     ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠄ ᠮᠠᠯ ᠵᠢᠭᠦᠷᠳᠡᠨ ᠤ ᠠᠷᠠᠯᠵᠢᠶ᠎ᠠ ᠬᠤᠳᠠᠯᠳᠣᠭᠠᠨ ᠤ ᠵᠠᠬ᠎ᠠ ᠲᠡᠯᠭᠡᠭᠦᠷ᠂ ᠲᠠᠷᠢᠶᠠᠯᠠᠩ ᠠᠷᠢᠯᠵᠢᠶᠠᠨ ᠵᠠᠬ᠎ᠠ ᠲᠡᠯᠭᠡᠭᠦᠷ ᠤᠨ ᠮᠠᠯ ᠵᠢᠭᠦᠷᠳᠡᠨ ᠵᠢᠴᠢ ᠪᠦᠳᠦᠭᠡᠭᠳᠡᠭᠦᠨ ᠤ ᠬᠠᠮᠢᠶᠠᠷᠣᠯᠳᠠ ᠶᠢ ᠬᠠᠷᠢᠭᠤᠴᠠᠨ᠂ ᠬᠠᠣᠯᠢ ᠵᠦᠷᠢᠴᠡᠭᠰᠡᠨ ᠡᠵᠡᠩᠨᠡᠯᠳᠡ ᠵᠢᠴᠢ ᠪᠦᠳᠦᠭᠡᠭᠳᠡᠭᠦᠨ ᠪᠣᠷᠣᠯᠠᠭᠤᠯᠬᠤ ᠠᠵᠢᠯᠯᠠᠭ᠎ᠠ ᠳᠤ ᠴᠣᠬᠢᠯᠳᠠ ᠦᠭᠴᠦ᠂ ᠬᠢᠵᠢᠭ ᠤᠨ ᠪᠠᠶᠢᠴᠠᠭᠠᠯᠳᠠ ᠦᠩᠭᠡᠷᠡᠭᠰᠡᠨ ᠦᠭᠡᠢ ᠠᠮᠢᠳᠠᠨ᠂ ᠬᠢᠵᠢᠭᠳᠦ ᠠᠮᠢᠳᠠᠨ ᠪᠣᠯᠣᠨ ᠬᠢᠵᠢᠭᠳᠦ ᠠᠮᠢᠳᠠᠨ ᠤ ᠮᠢᠬ᠎ᠠ ᠵᠠᠬ᠎ᠠ ᠲᠡᠯᠭᠡᠬᠦᠷ ᠲᠤ ᠭᠠᠷᠭᠠᠬᠤ ᠶᠢ ᠡᠷᠡᠰ ᠴᠠᠭᠠᠵᠠᠯᠠᠨ᠎ᠠ︔ ᠬᠢᠵᠢᠭᠳᠦ ᠣᠷᠣᠨ ᠲᠣᠳᠣᠷᠠᠬᠢ ᠠᠮᠢᠳᠠᠨ ᠵᠢᠴᠢ ᠪᠦᠳᠦᠭᠡᠭᠳᠡᠭᠦᠨ ᠢ ᠲᠠᠮᠵᠢᠭᠤᠯᠣᠨ ᠪᠣᠷᠣᠯᠠᠭᠤᠯᠬᠤ᠂ ᠪᠦᠭᠡᠮ ᠢᠶᠠᠷ ᠪᠣᠷᠣᠯᠠᠭᠤᠯᠬᠤ᠂ ᠵᠠᠬ᠎ᠠ ᠲᠡᠯᠭᠡᠭᠦᠷ ᠲᠤ ᠭᠠᠷᠭᠠᠬᠤ ᠶᠢ ᠪᠢᠳᠡᠭᠦᠮᠵᠢᠯᠡᠬᠦ ᠠᠷᠢᠭᠤᠳᠬᠠᠬᠤ ᠵᠡᠷᠭᠡ ᠬᠢᠵᠢᠭ ᠤᠨ ᠪᠠᠶᠢᠳᠠᠯ ᠢ ᠰᠢᠢᠳᠪᠦᠷᠢᠯᠡᠭᠦ ᠠᠵᠢᠯ ᠳᠤ ᠬᠠᠮᠵᠢᠯᠴᠠᠨ᠎ᠠ᠃ ᠬᠢᠵᠢᠭ ᠣᠰᠠᠳᠬᠠᠬᠤ ᠡᠮ ᠤᠨ ᠵᠣᠶᠢᠯᠠᠰ᠂ ᠣᠨᠣᠰᠢᠯᠠᠨ ᠲᠣᠷᠰᠢᠬᠤ ᠡᠮ᠂ ᠪᠠᠭᠠᠵᠢ ᠬᠡᠷᠡᠭᠰᠡᠯ ᠤᠨ ᠴᠢᠨᠠᠷ ᠴᠢᠨᠰᠠᠭ᠎ᠠ ᠬᠢᠨᠠᠯᠳᠠ ᠬᠠᠮᠢᠶᠠᠷᠣᠯᠳᠠ ᠶᠢ ᠴᠢᠩᠭᠠᠳᠬᠠᠬᠤ ᠶᠢ ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠬᠠᠮᠵᠢᠯᠴᠠᠨ ᠪᠠᠴᠢᠮ ᠢ ᠠᠷᠭᠠᠴᠠᠨ ᠬᠢᠵᠢᠭ ᠣᠰᠠᠳᠬᠠᠬᠤ ᠡᠮ ᠤᠨ ᠵᠣᠶᠢᠯᠠᠰ᠂ ᠣᠨᠣᠰᠢᠯᠠᠨ ᠲᠣᠷᠰᠢᠬᠤ ᠡᠮ᠂ ᠪᠠᠭᠠᠵᠢ ᠬᠡᠷᠡᠭᠰᠡᠯ ᠰᠢᠯᠵᠢᠭᠦᠯᠦᠨ ᠵᠦᠭᠡᠭᠡᠬᠦ ᠳᠤ ᠬᠠᠮᠵᠢᠯᠴᠠᠨ᠎ᠠ᠃     ᠬᠤᠰᠢᠭᠤᠨ ᠤ ᠦᠭᠡᠷᠡᠴᠢᠯᠡᠯᠳᠡ ᠨᠡᠭᠡᠭᠡᠯᠳᠡ ᠶᠢᠨ ᠲᠣᠪᠴᠢᠶ᠎ᠠ ︵ᠬᠤᠰᠢᠭᠤᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶᠄ ᠪᠣᠳᠠᠳᠠᠢ ᠪᠠᠶᠢᠳᠠᠯ ᠢᠶᠠᠨ ᠦᠨᠳᠦᠰᠦᠯᠡᠨ᠂ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠡᠷᠭᠡᠶᠢᠯᠡᠨ ᠵᠠᠰᠠᠬᠤ ᠮᠡᠷᠭᠡᠵᠢᠯ ᠤᠨ ᠡᠷᠳᠡᠮ ᠰᠢᠨᠵᠢᠯᠡᠭᠡᠨ ᠤ ᠠᠵᠢᠯ ᠢ ᠵᠣᠬᠢᠶᠠᠨ ᠪᠠᠶᠢᠭᠤᠯᠣᠨ ᠦᠷᠨᠢᠭᠦᠯᠦᠨ᠎ᠡ᠃     ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ᠄ ᠭᠠᠮᠰᠢᠭᠳᠠᠭᠰᠠᠨ ᠣᠯᠠᠨ ᠲᠦᠮᠡᠨ ᠢ ᠠᠪᠣᠷᠠᠨ ᠲᠣᠰᠠᠯᠠᠬᠤ ᠠᠵᠢᠯ ᠢ ᠬᠠᠷᠢᠭᠤᠴᠠᠨ᠎ᠠ᠃ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠨᠡᠶᠢᠭᠡᠮ ᠠᠴᠠ ᠠᠪᠣᠷᠠᠨ ᠲᠣᠰᠠᠯᠠᠬᠤ ᠠᠵᠢᠯ ᠢ ᠨᠢᠭᠡᠳᠦᠯᠳᠡᠢ ᠵᠣᠬᠢᠶᠠᠨ ᠪᠠᠶᠢᠭᠤᠯᠣᠨ ᠦᠷᠨᠢᠭᠦᠯᠵᠣ᠂ ᠨᠡᠶᠢᠭᠡᠮ ᠤᠨ ᠡᠯ᠎ᠡ ᠡᠳᠡᠭᠡᠳ ᠠᠴᠠ ᠲᠣᠰᠠᠯᠠᠭᠰᠠᠨ ᠪᠡᠯᠡ ᠮᠦᠩᠭᠦ ᠪᠣᠯᠣᠨ ᠡᠳ᠋ ᠪᠣᠳᠠᠰ ᠢ ᠬᠦᠯᠢᠶᠡᠨ ᠲᠣᠬᠢᠷᠠᠭᠤᠯᠣᠨ ᠬᠤᠪᠢᠶᠠᠷᠯᠠᠵᠣ᠂ ᠵᠣᠭᠤᠰ ᠮᠦᠩᠭᠦ ᠡᠳ᠋ ᠪᠣᠳᠠᠰ ᠤᠨ ᠬᠠᠮᠢᠶᠠᠷᠣᠯᠳᠠ ᠪᠣᠯᠣᠨ ᠣᠯᠭᠤᠬᠤ ᠠᠵᠢᠯ ᠢ ᠰᠠᠶᠢᠳᠦᠷ ᠬᠢᠵᠣ᠂ ᠨᠡᠶᠢᠭᠡᠮ᠂ ᠭᠠᠴᠠᠭ᠎ᠠ ᠲᠣᠰᠬᠤᠨ ᠤ ᠠᠷᠠᠳ ᠤᠨ ᠵᠦᠪᠯᠡᠯ ᠵᠡᠷᠭᠡ ᠶᠢᠨ ᠰᠡᠷᠭᠡᠶᠢᠯᠡᠨ ᠡᠵᠡᠮᠳᠡᠬᠦ ᠠᠵᠢᠯ ᠣᠷᠣᠯᠴᠠᠬᠤ ᠶᠢ ᠵᠣᠬᠢᠶᠠᠨ ᠪᠠᠶᠢᠭᠤᠯᠣᠨ ᠲᠠᠶᠢᠴᠢᠯᠠᠨ᠎ᠠ᠃     ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠄ ᠬᠠᠮᠢᠶ᠎ᠠ ᠪᠦᠬᠦᠢ ᠶᠢᠨ ᠰᠠᠯᠠᠭ᠎ᠠ ᠮᠦᠴᠢᠷ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠬᠠᠣᠯᠢ ᠲᠣᠭᠳᠠᠭᠠᠯ  ᠢᠶᠠᠷ ᠶᠣᠰᠣᠭᠠᠷ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠢᠯᠡᠬᠦ ᠠᠵᠢᠯ ᠤᠨ ᠲᠣᠮᠳᠠ ᠠᠵᠢᠯ ᠠᠴᠠ ᠪᠣᠯᠣᠭᠰᠠᠨ ᠭᠡᠮᠳᠦᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠨ᠎ᠠ᠃     ᠬᠤᠰᠢᠭᠤᠨ ᠤ ᠠᠵᠣ ᠠᠬᠤᠢ ᠪᠣᠯᠣᠨ ᠮᠡᠳᠡᠭᠡ ᠵᠠᠩᠬᠢ ᠶᠢᠨ ᠲᠣᠪᠴᠢᠶ᠎ᠠ᠄ ᠬᠢᠵᠢᠭᠳᠦ ᠣᠷᠣᠨ ᠤ ᠠᠮᠢᠳᠣᠷᠠᠯ  ᠲᠤ ᠱᠠᠭᠠᠷᠳᠠᠭᠳᠠᠬᠤ ᠬᠡᠷᠡᠭᠰᠡᠯ ᠢ ᠵᠠᠬ᠎ᠠ ᠲᠡᠯᠭᠡᠭᠦᠷ ᠠᠴᠠ ᠬᠠᠩᠭᠠᠬᠤ ᠠᠵᠢᠯ ᠢ ᠬᠠᠷᠢᠭᠤᠴᠠᠨ᠂ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠎ᠠ᠃ ᠮᠠᠯ ᠲᠠᠷᠢᠶᠠᠯᠠᠩ ᠤᠨ ᠣᠶᠢᠯᠠᠰ ᠤᠨ ᠰᠠᠯᠠᠭ᠎ᠠ ᠮᠦᠴᠢᠷ ᠢ ᠲᠠᠢ ᠬᠠᠮᠵᠢᠯᠴᠠᠨ ᠠᠵᠣ ᠠᠬᠤᠶᠢᠯᠠᠯ ᠤᠨ ᠬᠢᠵᠢᠭ ᠰᠡᠷᠭᠡᠶᠢᠯᠡᠬᠦ᠂ ᠬᠢᠨᠠᠨ ᠬᠠᠮᠢᠶᠠᠷᠬᠤ ᠪᠠ ᠰᠢᠢᠳᠪᠦᠷᠢᠯᠡᠭᠦ ᠠᠵᠢᠯ ᠢ ᠰᠠᠶᠢᠳᠦᠷ ᠬᠢᠨ᠎ᠡ᠃     ᠬᠤᠰᠢᠭᠤᠨ ᠤ ᠣᠢ ᠰᠢᠭᠤᠢ ᠶᠢᠨ ᠲᠣᠪᠴᠢᠶ᠎ᠠ᠄ ᠭᠡᠭᠡᠷ᠎ᠡ ᠶᠢᠨ ᠠᠮᠢᠳᠠᠨ ᠤ ᠡᠬᠢ ᠰᠣᠷᠪᠣᠯᠵᠢ ᠢ ᠪᠠᠶᠢᠴᠠᠭᠠᠬᠤ ᠪᠠ ᠠᠵᠢᠭᠯᠠᠨ ᠰᠢᠨᠵᠢᠭᠦ ᠠᠵᠢᠯᠯᠠᠭ᠎ᠠ ᠦᠷᠨᠢᠭᠦᠯᠦᠨ᠂ ᠲᠣᠰᠬᠠᠢ ᠮᠡᠷᠭᠡᠵᠢᠯᠳᠡᠨ ᠢ ᠵᠣᠬᠢᠶᠠᠨ ᠪᠠᠶᠢᠭᠤᠯᠣᠨ ᠬᠡᠬᠡᠷ᠎ᠡ ᠶᠢᠨ ᠠᠮᠢᠳᠠᠨ ᠤ ᠲᠠᠷᠬᠠᠯᠳᠠ᠂ ᠠᠮᠢᠳᠣᠷᠠᠯ ᠤᠨ ᠬᠦᠷᠢᠶ᠎ᠡ ᠬᠡᠪᠴᠢᠶ᠎ᠡ ᠪᠣᠯᠣᠨ ᠨᠡᠭᠦᠳᠡᠯ ᠤᠨ ᠪᠠᠶᠢᠳᠠᠯ ᠵᠡᠷᠭᠡ ᠤᠨ ᠬᠤᠯᠪᠣᠭᠳᠠᠯ ᠪᠦᠬᠦᠢ ᠣᠷᠢᠳᠴᠢᠯᠠᠭᠰᠠᠨ ᠮᠡᠳᠡᠭᠡ ᠶᠢ ᠵᠠᠳᠠᠯᠣᠨ ᠰᠦᠪᠭᠴᠢᠯᠡᠨ᠎ᠡ︔ ᠬᠤᠰᠢᠭᠤᠨ ᠤ ᠮᠡᠯ ᠡᠮᠨᠡᠯᠭᠡ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠦ ᠪᠠᠷ ᠭᠡᠭᠡᠷ᠎ᠡ ᠶᠢᠨ ᠠᠮᠢᠳᠠᠨ ᠤ ᠬᠢᠵᠢᠭ ᠡᠬᠢ ᠬᠢᠵᠢᠭ ᠡᠪᠡᠳᠴᠢᠨ  ᠢ ᠬᠢᠨᠠᠨ ᠰᠢᠯᠭᠠᠬᠤ ᠠᠵᠢᠯᠯᠭᠠᠨ ᠢ ᠵᠣᠬᠢᠶᠠᠨ ᠪᠠᠶᠢᠭᠤᠯᠣᠨ ᠦᠷᠨᠢᠭᠦᠯᠦᠨ᠎ᠡ︔ ᠬᠡᠬᠡᠷ᠎ᠡ ᠶᠢᠨ ᠠᠮᠢᠳᠠᠨ ᠤ ᠬᠢᠵᠢᠭ ᠢᠯᠡᠷᠡᠭᠦ ᠦᠶ᠎ᠡ ᠳᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠷᠦᠢ ᠲᠦᠷᠭᠡᠨ ᠲᠣᠰᠭᠠᠷᠯᠠᠨ ᠪᠢᠳᠡᠭᠦᠮᠵᠢᠯᠡᠬᠦ ᠡᠵᠡᠮᠳᠡᠬᠦ ᠠᠷᠭ᠎ᠠ ᠠᠪᠣᠨ᠎ᠠ᠃     ᠬᠤᠰᠢᠭᠤᠨ ᠤ ᠣᠷᠴᠢᠨ ᠬᠠᠮᠠᠭᠠᠯᠠᠯᠳᠠ ᠶᠢᠨ ᠲᠣᠪᠴᠢᠶ᠎ᠠ᠄ ᠮᠠᠯ ᠲᠠᠷᠢᠶᠠᠯᠠᠩ ᠤᠨ ᠣᠶᠢᠯᠠᠰ ᠤᠨ ᠰᠠᠯᠠᠭ᠎ᠠ ᠮᠦᠴᠢᠷ ᠲᠠᠢ ᠬᠠᠮᠵᠢᠯᠴᠠᠨ ᠠᠷᠠᠯᠵᠢᠶᠠᠨ ᠤ ᠵᠠᠬ᠎ᠠ ᠲᠡᠯᠭᠡᠭᠦᠷ ᠤᠨ ᠪᠣᠵᠠᠷ ᠣᠰᠣ᠂ ᠢᠯᠭᠠᠳᠠᠰᠦ ᠬᠠᠳᠠᠭᠤ ᠪᠡᠶᠡᠳᠦ ᠬᠠᠶᠠᠭᠳᠠᠮᠠᠯ ᠪᠣᠳᠠᠰ ᠢ ᠪᠣᠬᠢᠷᠳᠣᠯ ᠦᠭᠡᠢ ᠰᠢᠢᠳᠪᠦᠷᠢᠯᠡᠵᠣ᠂ ᠲᠣᠬᠠᠢ ᠲᠠᠯᠠᠪᠠᠢ ᠶᠢ ᠵᠢᠭᠠᠨ ᠵᠢᠯᠣᠭᠤᠳᠣᠨ᠎ᠠ᠃     ᠬᠤᠰᠢᠭᠤᠨ ᠤ ᠵᠡᠪᠰᠡᠭᠳᠦ ᠬᠦᠴᠦᠨ ᠤ ᠬᠡᠯᠳᠡᠰ᠄ ᠴᠡᠷᠢᠭ ᠤᠨ ᠠᠩᠬᠢ ᠶᠢᠨ ᠲᠡᠵᠢᠭᠡᠭᠰᠡᠨ ᠠᠮᠢᠳᠠᠨ ᠤ ᠬᠦᠨᠳᠦ ᠶᠡᠭᠡ ᠠᠮᠢᠳᠠᠨ ᠤ ᠬᠢᠵᠢᠭ ᠪᠠᠶᠢᠳᠠᠯ ᠢ ᠡᠵᠡᠮᠳᠡᠬᠦ ᠪᠠ ᠣᠰᠠᠳᠬᠠᠬᠤ ᠠᠵᠢᠯ ᠢ ᠬᠠᠷᠢᠭᠤᠴᠠᠨ᠂ ᠬᠠᠷᠢᠶ᠎ᠠ ᠪᠠᠶᠢᠭᠤᠯᠭ᠎ᠠ  ᠶᠢ ᠱᠠᠭᠠᠷᠳᠠᠨ ᠲᠣᠰ ᠭᠠᠵᠠᠷ ᠤᠨ ᠠᠮᠢᠳᠠᠨ ᠤ ᠬᠢᠵᠢᠭ ᠢ ᠰᠡᠷᠭᠡᠶᠢᠯᠡᠭᠦ ᠰᠠᠯᠠᠭ᠎ᠠ ᠮᠦᠴᠢᠷ ᠳᠤ ᠬᠢᠵᠢᠭ ᠤᠨ ᠪᠠᠶᠢᠳᠠᠯ ᠢ ᠮᠡᠳᠡᠭᠦᠯᠦᠨ᠎ᠡ︔ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠬᠢᠵᠢᠭ ᠢ ᠰᠡᠷᠭᠡᠶᠢᠯᠡᠬᠦ ᠣᠰᠠᠳᠬᠠᠬᠤ ᠠᠵᠢᠯ ᠳᠤ ᠬᠠᠮᠵᠢᠯᠴᠠᠨ᠎ᠠ᠃     ᠵᠡᠪᠰᠡᠭᠳᠦ ᠴᠠᠭᠳᠠᠭᠠᠨ ᠤ ᠲᠣᠮᠳᠠᠳᠦ ᠠᠩᠬᠢ᠄ ᠵᠡᠪᠰᠡᠭᠳᠦ ᠴᠠᠭᠳᠠᠭᠠᠨ ᠠᠩᠬᠢ ᠶᠢ ᠵᠣᠬᠢᠶᠠᠨ ᠪᠠᠶᠢᠭᠤᠯᠣᠨ ᠵᠢᠯᠣᠭᠤᠳᠴᠦ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠢᠯᠡᠬᠦ ᠠᠵᠢᠯᠯᠭᠠᠨ ᠣᠷᠣᠯᠴᠠᠵᠣ᠂ ᠲᠣᠳᠣᠭᠠᠳᠦ ᠶᠢ ᠬᠠᠮᠠᠭᠠᠯᠠᠬᠤ ᠰᠠᠯᠠᠭ᠎ᠠ ᠮᠦᠴᠢᠷ ᠲᠠᠢ ᠬᠠᠮᠵᠢᠯᠴᠠᠨ ᠬᠢᠵᠢᠭᠳᠦ ᠣᠷᠣᠨ ᠢ ᠪᠢᠳᠡᠭᠦᠮᠵᠢᠯᠡᠬᠦ᠂ ᠬᠢᠵᠢᠭ ᠤᠨ ᠴᠡᠭ ᠤᠨ ᠲᠣᠳᠣᠷᠠᠬᠢ ᠬᠢᠵᠢᠭᠳᠦ ᠠᠮᠢᠳᠠᠨ ᠢ ᠣᠰᠠᠳᠬᠠᠬᠤ ᠵᠡᠷᠭᠡ ᠠᠵᠢᠯ ᠢ ᠰᠠᠶᠢᠳᠦᠷ ᠬᠢᠨ᠎ᠡ᠃     ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠪᠠᠶᠢᠭᠤᠯᠭ᠎ᠠ ᠨᠢᠭᠡᠴᠡ ᠲᠣᠰ ᠰᠠᠯᠠᠭ᠎ᠠ ᠮᠦᠴᠢᠷ᠂ ᠲᠣᠰ ᠪᠠᠶᠢᠭᠤᠯᠭ᠎ᠠ ᠤᠨ ᠡᠭᠦᠷᠭᠡ ᠲᠣᠰᠢᠶᠠᠯ ᠪᠣᠯᠣᠨ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠠᠵᠢᠯ ᠢ ᠰᠠᠶᠢᠳᠦᠷ ᠵᠣᠬᠢᠶᠠᠨ ᠪᠠᠶᠢᠭᠤᠯᠣᠨ᠎ᠠ᠃     ︵ᠲᠦᠷᠪᠡ︶ ᠬᠤᠰᠢᠭᠤᠨ ᠤ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠯᠡᠬᠦ ᠲᠣᠰᠬᠠᠢ ᠮᠡᠷᠭᠡᠵᠢᠯᠳᠡᠨ ᠤ ᠲᠣᠭᠤᠶᠢᠯᠠᠩ ᠪᠣᠯᠣᠨ ᠪᠣᠰᠣᠳ ᠡᠭᠦᠷᠭᠡ ᠲᠣᠰᠢᠶᠠᠯ     ᠬᠤᠰᠢᠭᠤᠨ ᠤ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠯᠡᠬᠦ ᠲᠣᠰᠬᠠᠢ ᠮᠡᠷᠭᠡᠵᠢᠯᠳᠡᠨ ᠤ ᠲᠣᠭᠤᠶᠢᠯᠠᠩ ᠮᠡᠯ ᠡᠮᠨᠡᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠠᠮᠢᠳᠠᠨ ᠤ ᠬᠢᠵᠢᠭ ᠰᠡᠷᠭᠡᠶᠢᠯᠡᠬᠦ ᠠᠵᠢᠯᠳᠠᠨ ᠢᠶᠠᠷ ᠪᠦᠷᠢᠯᠳᠦᠨ᠎ᠡ᠃ ᠲᠣᠰᠬᠠᠢ ᠮᠡᠷᠭᠡᠵᠢᠯᠳᠡᠨ ᠤ ᠲᠣᠭᠤᠶᠢᠯᠠᠩ ᠤᠨ ᠪᠣᠳᠠᠳᠠᠢ ᠡᠭᠦᠷᠭᠡ ᠬᠠᠷᠢᠭᠤᠴᠠᠯᠭ᠎ᠠ᠄ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠳᠤ ᠬᠠᠷᠠᠭᠠᠯᠵᠠᠭᠰᠠᠨ ᠮᠡᠷᠭᠡᠵᠢᠯ ᠤᠨ ᠠᠷᠭ᠎ᠠ ᠠᠪᠴᠠᠯ ᠠᠪᠬᠤ ᠰᠠᠨᠠᠯ ᠰᠠᠨᠠᠭᠤᠯᠭ᠎ᠠ ᠲᠣᠷᠠᠳᠴᠦ︔ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ  ᠢ ᠠᠷᠭᠠᠴᠠᠬᠤ ᠪᠡᠯᠡᠳᠬᠡᠯ ᠰᠠᠨᠠᠭᠤᠯᠭ᠎ᠠ ᠲᠣᠷᠠᠳᠴᠦ︔ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠬᠤ ᠪᠡᠯᠡᠳᠬᠡᠯ ᠲᠦᠰᠦᠯ ᠪᠣᠯᠣᠨ ᠰᠢᠢᠳᠪᠦᠷᠢᠯᠡᠬᠦ ᠮᠡᠷᠭᠡᠵᠢᠯ ᠤᠨ ᠲᠦᠰᠦᠪ ᠢ ᠲᠣᠭᠳᠠᠭᠠᠬᠤ ᠪᠣᠶᠣ ᠵᠠᠰᠠᠪᠦᠷᠢ ᠣᠷᠣᠭᠤᠯᠬᠤ ᠳᠤ ᠣᠷᠣᠯᠴᠠᠨ᠎ᠠ︔ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠢᠯᠡᠬᠦ ᠶᠠᠪᠣᠴᠠ ᠳᠤ ᠮᠡᠷᠭᠡᠵᠢᠯ ᠤᠨ ᠵᠢᠯᠣᠭᠤᠳᠣᠯᠭ᠎ᠠ᠂ ᠪᠣᠯᠪᠠᠰᠣᠷᠠᠯ ᠬᠢᠨ᠎ᠡ︔ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠬᠤ ᠪᠣᠯᠣᠨ ᠰᠡᠭᠦᠯᠴᠢ ᠶᠢᠨ ᠬᠤᠭᠤᠴᠠᠭ᠎ᠠ ᠶᠢ ᠦᠨᠡᠯᠡᠭᠦ  ᠳᠤ ᠰᠠᠨᠨᠠᠯ ᠲᠣᠷᠠᠳᠣᠨ᠎ᠠ︔ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠬᠤ ᠵᠢᠭᠠᠨ ᠵᠢᠯᠣᠭᠤᠳᠬᠤ ᠬᠡᠯᠳᠡᠰ ᠪᠣᠯᠣᠨ ᠪᠠᠶᠢᠭᠤᠯᠣᠮᠵᠢ ᠶᠢᠨ ᠡᠳᠦᠷ ᠲᠣᠳᠣᠮ ᠤᠨ ᠬᠠᠮᠢᠶᠠᠷᠣᠯᠳᠠ ᠤᠨ ᠪᠣᠰᠣᠳ ᠠᠵᠢᠯ ᠢ ᠬᠠᠷᠢᠭᠤᠴᠠᠨ᠎ᠠ᠃     ᠬᠤᠰᠢᠭᠤᠨ ᠤ ᠮᠠᠯ ᠡᠮᠨᠡᠯᠭᠡ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠣᠰ ᠬᠤᠰᠢᠭᠤᠨ ᠤ ᠭᠡᠨᠡᠳᠳᠡ  ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠬᠤ ᠠᠵᠢᠯ ᠤᠨ ᠱᠠᠭᠠᠷᠳᠠᠯᠭ᠎ᠠ ᠪᠠᠨ ᠦᠨᠳᠦᠰᠦᠯᠡᠨ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠢᠯᠡᠬᠦ ᠲᠣᠰᠬᠠᠢ ᠮᠡᠷᠭᠡᠵᠢᠯᠳᠡᠨ ᠤ ᠲᠣᠭᠤᠶᠢᠯᠠᠩ ᠪᠠᠶᠢᠭᠤᠯᠣᠨ᠎ᠠ᠃     ︵ᠲᠠᠪᠤ︶ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠢ ᠠᠷᠭᠠᠴᠠᠬᠤ ᠪᠠᠶᠢᠭᠤᠯᠣᠮᠵᠢ ᠪᠣᠯᠣᠨ ᠡᠭᠦᠷᠭᠡ ᠬᠠᠷᠢᠭᠤᠴᠠᠯᠭ᠎ᠠ     ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠵᠣᠬᠢᠴᠠᠩᠭᠤᠢ ᠪᠠᠷ ᠵᠢᠭᠠᠨ ᠵᠢᠯᠣᠭᠤᠳᠬᠤ ᠪᠠᠶᠢᠭᠤᠯᠣᠮᠵᠢ ᠪᠣᠯᠣᠨ ᠠᠯᠪᠠᠨ ᠭᠡᠷ ᠪᠠᠶᠢᠭᠤᠯᠣᠨ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠲᠣᠳᠣᠷᠠᠬᠢ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠯᠡᠬᠦ ᠶᠢ ᠵᠢᠯᠣᠭᠤᠳᠬᠤ ᠶᠢ ᠬᠠᠷᠢᠭᠤᠴᠠᠵᠣ᠂ ᠲᠣᠰ ᠵᠠᠰᠠᠭ ᠵᠠᠬᠢᠷᠭᠠᠨ ᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠡᠵᠡᠮᠳᠡᠬᠦ ᠪᠠ ᠣᠰᠠᠳᠬᠠᠬᠤ ᠠᠵᠢᠯ ᠢ ᠰᠠᠶᠢᠳᠦᠷ ᠬᠢᠨ᠎ᠡ᠃     ︵ᠵᠢᠷᠭᠤᠭ᠎ᠠ︶ ᠡᠳᠦᠷ ᠲᠣᠳᠣᠮ ᠤᠨ ᠪᠠᠴᠢᠮ ᠢ ᠠᠷᠭᠠᠴᠠᠨ ᠰᠢᠢᠳᠪᠦᠷᠢᠯᠡᠬᠦ ᠪᠠᠶᠢᠭᠤᠯᠣᠮᠵᠢ ᠶᠢᠨ ᠠᠵᠢᠯ ᠤᠨ ᠬᠤᠪᠢᠶᠠᠷᠢ     1. ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠲᠣᠪᠴᠢᠶ᠎ᠠ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠳᠡᠢ ᠣᠳᠣᠷᠢᠳᠣᠯᠭ᠎ᠠ ᠲᠣᠣᠷ᠎ᠠ᠂ ᠪᠦᠬᠦ ᠬᠤᠰᠢᠭᠤᠨ ᠤ ᠭᠡᠨᠡᠳᠳᠡ ᠶᠢᠨ ᠬᠦᠨᠳᠦ ᠶᠡᠭᠡ ᠠᠮᠢᠳᠠᠨ  ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠣᠨ ᠵᠣᠬᠢᠴᠠᠭᠤᠯᠬᠤ ᠶᠢ ᠬᠠᠷᠢᠭᠤᠴᠠᠵᠣ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠴᠢᠮ ᠢ ᠠᠷᠭᠠᠴᠠᠨ ᠰᠢᠢᠳᠪᠦᠷᠢᠯᠡᠬᠦ ᠠᠵᠢᠯ ᠤᠨ ᠪᠣᠳᠠᠳᠠᠢ ᠱᠠᠭᠠᠷᠳᠠᠯᠭ᠎ᠠ ᠪᠠᠨ ᠦᠨᠳᠦᠰᠦᠯᠡᠨ᠂ ᠬᠢᠵᠢᠭ ᠤᠨ ᠴᠡᠭ᠂ ᠬᠢᠵᠢᠭᠳᠦ ᠣᠷᠣᠨ ᠪᠣᠯᠣᠨ ᠰᠦᠷᠳᠡᠭᠦᠯᠦᠯ ᠳᠤ ᠣᠴᠠᠷᠠᠬᠤ ᠣᠷᠣᠨ ᠤ ᠵᠠᠭᠠᠭ ᠢ ᠲᠣᠳᠣᠷᠬᠠᠢ ᠵᠢᠷᠣᠬᠤ ᠶᠢᠨ ᠬᠠᠮᠳᠦ ᠪᠢᠳᠡᠭᠦᠮᠵᠢᠯᠡᠬᠦ ᠰᠠᠨᠠᠭᠤᠯᠭ᠎ᠠ ᠲᠣᠷᠠᠳᠴᠦ︔ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠪᠠᠴᠢᠮ ᠢ ᠠᠷᠭᠠᠴᠠᠬᠤ ᠪᠡᠯᠡᠳᠬᠡᠯ ᠲᠦᠰᠦᠪ ᠭᠠᠷᠭᠠᠬᠤ ᠰᠠᠨᠠᠭᠤᠯᠭ᠎ᠠ ᠲᠣᠷᠠᠳᠣᠨ᠎ᠠ᠃     2. ᠬᠤᠰᠢᠭᠤᠨ ᠤ ᠠᠮᠢᠳᠠᠨ ᠤ ᠬᠢᠵᠢᠭ ᠪᠠᠶᠢᠴᠠᠭᠠᠬᠤ ᠭᠠᠵᠠᠷ᠄ ᠬᠢᠵᠢᠭᠳᠦ ᠣᠷᠣᠨ ᠤ ᠠᠮᠢᠳᠠᠨ ᠤ ᠬᠢᠵᠢᠭ ᠤᠨ ᠪᠠᠶᠢᠳᠠᠯ ᠢ ᠡᠵᠡᠮᠳᠡᠬᠦ ᠪᠠ ᠣᠰᠠᠳᠬᠠᠬᠤ ᠠᠵᠢᠯ ᠢ ᠬᠠᠷᠢᠭᠤᠴᠠᠵᠣ︔ ᠰᠦᠷᠳᠡᠭᠦᠯᠦᠯ ᠳᠤ ᠣᠴᠠᠷᠠᠬᠤ ᠣᠷᠣᠨ ᠤ ᠠᠮᠢᠳᠠᠨ ᠵᠢᠴᠢ ᠪᠣᠰᠣᠳ ᠪᠦᠳᠦᠭᠡᠭᠳᠡᠭᠦᠨ ᠤ ᠣᠶᠢᠯᠠᠳᠪᠦᠷᠢᠯᠡᠯ᠂ ᠨᠦᠭᠡᠴᠡ᠂ ᠵᠦᠭᠡᠭᠡᠪᠦᠷᠢ ᠪᠣᠯᠣᠨ ᠪᠣᠷᠣᠯᠠᠭᠤᠯᠭ᠎ᠠ ᠵᠡᠷᠭᠡ ᠳᠤ ᠬᠢᠵᠢᠭ ᠤᠨ ᠪᠠᠶᠢᠴᠠᠭᠠᠯᠳᠠ ᠬᠢᠵᠣ︔ ᠬᠢᠵᠢᠭᠳᠦ ᠣᠷᠣᠨ ᠢ ᠪᠢᠳᠡᠭᠦᠮᠵᠢᠯᠡᠬᠦ᠂ ᠲᠣᠰᠭᠠᠷᠯᠠᠬᠤ᠂ ᠣᠰᠠᠳᠬᠠᠬᠤ᠂ ᠬᠦᠨᠦᠭᠡᠯ ᠦᠭᠡᠢ ᠪᠠᠷ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠵᠢᠯᠣᠭᠤᠳᠣᠨ ᠨᠠᠶᠢᠳᠠᠪᠦᠷᠢᠵᠢᠭᠤᠯᠣᠨ᠎ᠠ᠃     3. ᠬᠤᠰᠢᠭᠤᠨ ᠤ ᠬᠢᠵᠢᠭ ᠡᠪᠡᠳᠴᠢᠨ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠲᠦᠪ᠄ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠬᠢᠨᠠᠨ ᠰᠢᠯᠭᠠᠬᠤ᠂ ᠣᠷᠢᠳᠴᠢᠯᠠᠨ ᠮᠡᠳᠡᠭᠡᠯᠡᠬᠦ ᠪᠠᠨ ᠮᠡᠳᠡᠭᠦᠯᠭᠦ ᠶᠢ ᠬᠠᠷᠢᠭᠤᠴᠠᠨ᠂ ᠲᠣᠬᠠᠢ ᠲᠠᠯᠠᠪᠠᠢ ᠳᠤ ᠨᠢ ᠁︔ ᠲᠣᠬᠠᠢ ᠲᠯᠠᠪᠠᠢ ᠶᠢᠨ ᠡᠮᠴᠢᠯᠡᠭᠡᠨ ᠤ ᠣᠨᠣᠰᠢᠯᠠᠯᠳᠠ ᠪᠣᠯᠣᠨ ᠲᠣᠷᠰᠢᠯᠳᠡ ᠶᠢᠨ ᠲᠠᠰᠤᠭ ᠤᠨ ᠰᠢᠯᠭᠠᠨ ᠬᠡᠮᠵᠢᠯᠳᠡ᠂ ᠪᠠᠴᠢᠮ ᠦᠯᠦ ᠬᠠᠯᠳᠠᠭᠠᠬᠤ ᠲᠠᠷᠢᠯᠭ᠎ᠠ ᠪᠣᠯᠣᠨ ᠠᠷᠢᠭᠤᠳᠬᠠᠬᠤ ᠵᠡᠷᠭᠡ ᠠᠵᠢᠯ ᠢ ᠦᠷᠨᠢᠭᠦᠯᠦᠨ᠎ᠡ︔ ᠪᠠᠴᠢᠮ ᠬᠢᠵᠢᠭ ᠢ ᠰᠡᠷᠭᠡᠶᠢᠯᠡᠬᠦ ᠡᠳ᠋ ᠪᠣᠳᠠᠰ ᠨᠦᠭᠡᠴᠡᠯᠡᠬᠦ ᠬᠦᠮᠦᠷᠭᠡ ᠪᠠᠶᠢᠭᠤᠯᠣᠨ᠂ ᠸᠠᠺᠽᠢᠨ᠂ ᠡᠮ ᠤᠨ ᠵᠣᠶᠢᠯᠠᠰ᠂ ᠣᠨᠣᠰᠢᠯᠠᠨ ᠲᠣᠷᠰᠢᠬᠤ ᠡᠮ᠂ ᠰᠡᠷᠭᠡᠶᠢᠯᠡᠨ ᠬᠠᠮᠠᠭᠠᠯᠠᠬᠤ ᠬᠡᠷᠡᠭᠰᠡᠯ᠂ ᠵᠠᠮ ᠬᠠᠷᠢᠯᠴᠠᠭ᠎ᠠ ᠵᠢᠴᠢ ᠮᠡᠳᠡᠭᠡᠯᠡᠯ ᠤᠨ ᠲᠣᠬᠦᠭᠡᠷᠣᠮᠵᠢ ᠵᠡᠷᠭᠡ ᠶᠢ ᠪᠠᠶᠢᠭᠤᠯᠵᠣ᠂ ᠬᠢᠵᠢᠭ ᠰᠡᠷᠭᠡᠶᠢᠯᠡᠬᠦ ᠡᠳ᠋ ᠪᠣᠳᠠᠰ ᠬᠡᠷᠡᠭᠰᠡᠬᠦ ᠲᠦᠰᠦᠯ ᠲᠣᠭᠳᠠᠭᠠᠵᠣ᠂ ᠬᠢᠵᠢᠭ ᠰᠡᠷᠭᠡᠶᠢᠯᠡᠬᠦ ᠠᠵᠢᠯᠳᠠᠨ ᠬᠦᠮᠦᠵᠢᠭᠦᠯᠣᠨ᠂ ᠣᠷᠢᠳᠴᠢᠯᠠᠨ ᠰᠡᠷᠭᠡᠶᠢᠯᠡᠬᠦ ᠮᠡᠳᠡᠯᠭᠡ ᠶᠢᠨ ᠣᠬᠠᠭᠤᠯᠭ᠎ᠠ ᠵᠣᠬᠢᠶᠠᠨ ᠪᠠᠶᠢᠭᠤᠯᠣᠨ ᠦᠷᠨᠢᠭᠦᠯᠦᠨ᠎ᠡ᠃     ᠭᠤᠷᠪᠠ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠢ ᠰᠢᠯᠭᠠᠨ ᠬᠡᠮᠵᠢᠬᠦ᠂ ᠣᠷᠢᠳᠴᠢᠯᠠᠨ ᠰᠡᠷᠡᠮᠵᠢᠯᠡᠭᠦᠯᠬᠦ ᠪᠠ ᠮᠡᠳᠡᠭᠦᠯᠬᠦ     ᠵᠢᠭᠠᠨ ᠵᠢᠯᠣᠭᠤᠳᠬᠤ ᠬᠡᠯᠳᠡᠰ ᠬᠦᠨᠳᠦ ᠶᠡᠭᠡ ᠠᠮᠢᠳᠠᠨ ᠤ ᠬᠢᠵᠢᠭ ᠢ ᠰᠢᠯᠭᠠᠨ ᠬᠡᠮᠵᠢᠬᠦ᠂ ᠣᠷᠢᠳᠴᠢᠯᠠᠨ ᠰᠡᠷᠡᠮᠵᠢᠯᠡᠭᠦᠯᠬᠦ ᠪᠠ ᠣᠷᠢᠳᠴᠢᠯᠠᠨ ᠮᠡᠳᠡᠭᠡᠯᠡᠬᠦ ᠲᠣᠭᠳᠠᠯᠴᠠᠭ᠎ᠠ ᠪᠠᠶᠢᠭᠤᠯᠣᠨ᠎ᠠ᠃ ᠬᠤᠰᠢᠭᠤᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠢᠵᠢᠭ ᠤᠨ ᠪᠠᠶᠢᠳᠠᠯ ᠤᠨ ᠰᠢᠯᠭᠠᠨ ᠬᠡᠮᠵᠢᠯᠳᠡ ᠪᠣᠯᠣᠨ ᠲᠦᠭᠰᠢᠭᠦᠷᠢ ᠶᠢᠨ ᠵᠠᠳᠠᠯᠣᠯᠳᠠ ᠶᠢᠨ ᠦᠷ᠎ᠡ ᠳ᠋ᠦᠩ ᠵᠢᠴᠢ ᠲᠠᠷᠢᠶᠠᠯᠠᠩ ᠣᠶᠢᠯᠠᠰ ᠤᠨ ᠬᠤᠯᠪᠣᠭᠳᠠᠯ ᠪᠦᠬᠦᠢ ᠲᠣᠭᠳᠠᠭᠠᠯ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠣᠷᠢᠳᠴᠢᠯᠡᠨ ᠰᠡᠷᠭᠡᠶᠢᠯᠡᠨ ᠰᠡᠷᠡᠮᠵᠢᠯᠡᠭᠦᠯᠬᠦ ᠮᠡᠳᠡᠭᠡ ᠮᠡᠳᠡᠭᠦᠯᠭᠦ ᠪᠠᠷ ᠰᠠᠨᠠᠭᠤᠯᠭ᠎ᠠ ᠲᠣᠷᠠᠳᠣᠨ᠎ᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠪᠠᠶᠢᠭᠤᠯᠭ᠎ᠠ ᠨᠢᠭᠡᠴᠡ ᠣᠷᠢᠳᠴᠢᠯᠡᠨ ᠰᠡᠷᠡᠮᠵᠢᠯᠡᠭᠦᠯᠬᠦ ᠴᠢᠮᠡᠭᠡ ᠶᠢ ᠲᠣᠰᠣᠭᠰᠠᠨ ᠤ ᠲᠠᠷᠠᠭ᠎ᠠ ᠲᠠᠷᠣᠢ ᠲᠦᠷᠭᠡᠨ ᠰᠡᠷᠭᠡᠶᠢᠯᠡᠬᠦ ᠠᠵᠢᠯ ᠢ ᠰᠠᠶᠢᠳᠦᠷ ᠬᠢᠨ᠎ᠡ᠃     ︵ᠨᠢᠭᠡ︶ ᠴᠢᠮᠡᠭᠡ ᠵᠠᠩᠬᠢ ᠰᠢᠯᠭᠠᠨ ᠬᠢᠨᠠᠬᠤ ᠪᠠ ᠮᠡᠳᠡᠭᠦᠯᠦᠯᠳᠡ     ᠬᠤᠰᠢᠭᠤᠨ ᠤ ᠮᠠᠯ ᠠᠵᠣ ᠠᠬᠤᠢ ᠶᠢᠨ ᠲᠣᠪᠴᠢᠶ᠎ᠠ ᠬᠦᠨᠳᠦ ᠶᠡᠭᠡ ᠠᠮᠢᠳᠠᠨ ᠤ ᠬᠢᠨᠠᠨ ᠰᠢᠯᠭᠠᠬᠤ ᠰᠦᠯᠵᠢᠶ᠎ᠡ ᠪᠠᠶᠢᠭᠤᠯᠣᠨ᠂ ᠬᠦᠨᠳᠦ ᠶᠡᠭᠡ ᠠᠮᠢᠳᠠᠨ ᠤ ᠬᠢᠵᠢᠭ ᠳᠤ ᠨᠢᠭᠤᠴᠠ ᠪᠠᠷ ᠬᠢᠨᠠᠯᠳᠠ ᠬᠢᠵᠣ᠂ ᠴᠢᠮᠡᠭᠡ ᠵᠠᠩᠬᠢ ᠴᠣᠭᠯᠠᠭᠤᠯᠬᠤ᠂ ᠡᠮᠬᠢᠯᠡᠬᠦ ᠪᠠ ᠬᠤᠷᠢᠶᠠᠩᠭᠤᠶᠢᠯᠠᠬᠤ ᠪᠠᠷ ᠲᠠᠮᠵᠢᠨ᠂ ᠬᠢᠵᠢᠭ ᠡᠭᠦᠰᠬᠦ ᠲᠦᠭᠰᠢᠭᠦᠷᠢ ᠳᠤ ᠦᠨᠡᠯᠡᠨ ᠵᠠᠳᠠᠯᠣᠯᠳᠠ ᠬᠢᠨ᠂ ᠴᠠᠭ ᠲᠣᠬᠠᠢ ᠳᠤ ᠨᠢ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ  ᠪᠠᠷ ᠮᠡᠳᠡᠭᠦᠯᠵᠣ᠂ ᠪᠠᠴᠢᠮ ᠢ ᠠᠷᠭᠠᠴᠠᠨ ᠰᠢᠢᠳᠪᠦᠷᠢᠯᠡᠭᠦ ᠰᠠᠨᠠᠭᠤᠯᠭ᠎ᠠ ᠲᠣᠷᠠᠳᠣᠨ᠎ᠠ᠃ ᠬᠤᠰᠢᠭᠤᠨ ᠤ ᠠᠮᠢᠳᠠᠨ ᠤ ᠬᠢᠵᠢᠭ ᠡᠪᠡᠳᠴᠢᠨ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠭᠡᠨᠡᠳᠳᠡ ᠶᠢᠨ ᠬᠦᠨᠳᠦ ᠶᠡᠭᠡ ᠠᠮᠢᠳᠠᠨ  ᠤ ᠬᠢᠵᠢᠭ ᠢ ᠬᠢᠨᠠᠨ ᠰᠢᠯᠭᠠᠯᠳᠠ ᠪᠣᠯᠣᠨ ᠦᠷ᠎ᠡ ᠳ᠋ᠦᠩ ᠤᠨ ᠮᠡᠳᠡᠭᠦᠯᠦᠯᠳᠡ ᠠᠵᠢᠯ ᠢ ᠬᠠᠷᠢᠭᠤᠴᠠᠨ᠎ᠠ᠃     ︵ᠬᠤᠶᠠᠷ︶ ᠣᠷᠢᠳᠴᠢᠯᠠᠨ ᠰᠡᠷᠡᠮᠵᠢᠯᠡᠭᠦᠯᠬᠦ ᠶᠢ ᠲᠡᠮᠵᠢᠬᠦ ᠰᠢᠰᠲ᠋ᠧᠮ ᠪᠠ ᠣᠷᠢᠳᠴᠢᠯᠠᠨ ᠰᠡᠷᠭᠡᠶᠢᠯᠡᠨ ᠰᠡᠷᠡᠮᠵᠢᠯᠡᠭᠦᠯᠬᠦ ᠠᠵᠢᠯᠯᠠᠭ᠎ᠠ     ᠬᠤᠰᠢᠭᠤᠨ ᠤ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠦᠨᠳᠦ ᠶᠡᠭᠡ ᠠᠮᠢᠳᠠᠨ ᠤ ᠬᠢᠵᠢᠭ  ᠢ ᠣᠨᠣᠰᠢᠯᠠᠬᠤ᠂ ᠬᠢᠨᠠᠨ ᠰᠢᠯᠭᠠᠬᠤ᠂ ᠠᠵᠢᠭᠯᠠᠬᠤ᠂ ᠦᠨᠡᠯᠡᠬᠦ ᠵᠢᠴᠢ ᠰᠡᠷᠡᠮᠵᠢᠯᠡᠬᠦ ᠲᠣᠭᠳᠠᠯᠴᠠᠭ᠎ᠠ ᠪᠠᠶᠢᠭᠤᠯᠣᠨ᠂ ᠬᠤᠰᠢᠭᠤᠨ ᠤ ᠡᠷᠡᠭᠦᠯ ᠬᠠᠮᠠᠭᠠᠯᠠᠯ ᠤᠨ ᠲᠣᠪᠴᠢᠶ᠎ᠠ ᠲᠠᠢ ᠬᠤᠯᠪᠣᠭᠠᠯᠠᠨ ᠬᠠᠮᠵᠢᠯᠴᠠᠨ᠎ᠠ᠃ ᠬᠤᠰᠢᠭᠤᠨ ᠤ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠠᠵᠡᠮᠳᠡᠬᠦ ᠪᠠᠶᠢᠭᠤᠯᠣᠮᠵᠢ ᠶᠢᠨ ᠬᠠᠩᠭᠠᠭᠰᠠᠨ ᠬᠢᠨᠠᠨ ᠰᠢᠯᠭᠠᠬᠤ ᠮᠡᠳᠡᠭᠡ ᠶᠢ ᠦᠨᠳᠦᠰᠦᠯᠡᠨ᠂ ᠬᠦᠨᠳᠦ ᠶᠡᠭᠡ ᠠᠮᠢᠳᠠᠨ ᠤ ᠬᠢᠵᠢᠭ ᠤᠨ ᠡᠭᠦᠰᠦᠯᠳᠡ᠂ ᠬᠦᠭᠵᠢᠯᠳᠠ ᠶᠢᠨ ᠵᠢᠮ᠎ᠡ ᠶᠣᠰᠣ ᠪᠣᠯᠣᠨ ᠣᠨᠴᠠᠯᠢᠭ ᠳᠤ᠂ ᠬᠦᠨᠦᠭᠡᠯ ᠤᠨ ᠬᠡᠮᠵᠢᠶ᠎ᠡ᠂ ᠬᠦᠭᠵᠢᠯᠳᠡ ᠶᠢᠨ ᠬᠠᠨᠳᠣᠰᠢ ᠳᠤ ᠵᠠᠳᠠᠯᠣᠯᠳᠠ ᠬᠢᠵᠣ᠂ ᠴᠠᠭ ᠲᠣᠬᠠᠢ  ᠳᠤ ᠨᠢ ᠵᠢᠭᠠᠨ ᠵᠢᠯᠣᠭᠤᠳᠬᠤ ᠬᠡᠯᠳᠡᠰ ᠤᠨ ᠠᠯᠪᠠᠨ ᠭᠡᠷ ᠲᠤ ᠬᠠᠷᠠᠭᠠᠯᠵᠠᠭᠰᠠᠨ ᠣᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠳᠡ ᠬᠢᠨ᠎ᠡ᠂ ᠣᠷᠢᠳᠴᠢᠯᠠᠨ ᠰᠡᠷᠡᠮᠵᠢᠯᠡᠭᠦᠯᠬᠦ ᠶᠢ ᠡᠩ ᠤᠨ ︵Ⅳ ᠲᠡᠰ︶᠂ ᠨᠡᠯᠢᠶᠡᠳ ᠶᠡᠭᠡ ︵Ⅲ ᠲᠡᠰ︶ ᠂ ᠬᠦᠨᠳᠦ ᠶᠡᠭᠡ ︵Ⅱ ᠲᠡᠰ︶᠂ ᠣᠨᠴᠠ ᠬᠦᠨᠳᠦ ᠶᠡᠭᠡ ︵Ⅰ ᠲᠡᠰ︶ ᠲᠦᠷᠪᠡᠨ ᠲᠡᠰ ᠬᠤᠪᠢᠶᠠᠵᠣ᠂ ᠬᠦᠭᠡ ᠦᠩᠭᠡ᠂ ᠰᠢᠷ᠎ᠠ ᠦᠩᠭᠡ᠂ ᠣᠯᠠᠪᠦᠷ ᠦᠩᠭᠡ᠂ ᠣᠯᠠᠭᠠᠨ ᠦᠩᠭᠡ ᠪᠠᠷ ᠲᠦᠯᠦᠭᠡᠯᠡᠨ᠎ᠡ᠃ ᠵᠢᠭᠠᠨ ᠵᠢᠯᠣᠭᠤᠳᠬᠤ ᠬᠡᠯᠳᠡᠰ ᠤᠨ ᠠᠯᠪᠠᠨ ᠭᠡᠷ ᠣᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠳᠡ ᠶᠢ ᠲᠣᠰᠣᠭᠰᠠᠨ ᠤ ᠲᠠᠷᠠᠭ᠎ᠠ᠂ ᠲᠠᠷᠦᠢ ᠲᠦᠷᠭᠡᠨ ᠪᠠᠶᠢᠳᠠᠯ ᠳᠤ ᠶᠡᠷᠦᠩᠬᠡᠶᠢᠯᠡᠯᠳᠡ ᠬᠢᠨ᠂ ᠡᠭᠦᠰᠬᠦ ᠪᠣᠯᠣᠯᠴᠠᠭ᠎ᠠ ᠲᠠᠢ ᠬᠦᠨᠦᠭᠡᠯ ᠢ ᠵᠠᠳᠠᠯᠣᠨ ᠰᠣᠳᠣᠯᠵᠣ᠂ ᠠᠩᠬ᠎ᠠ ᠠᠯᠬᠤᠮ ᠤᠨ ᠠᠷᠭ᠎ᠠ ᠬᠡᠮᠵᠢᠶ᠎ᠡ ᠠᠪᠣᠨ᠂ ᠬᠤᠯᠪᠣᠭᠳᠠᠯ ᠪᠦᠬᠦᠢ ᠪᠠᠶᠢᠳᠠᠯ ᠳᠤ ᠴᠠᠭ ᠲᠣᠬᠠᠢ ᠳᠤ ᠨᠢ ᠵᠢᠭᠠᠨ ᠵᠢᠯᠣᠭᠤᠳᠬᠤ ᠬᠡᠯᠳᠡᠰ ᠲᠤ ᠮᠡᠳᠡᠭᠦᠯᠦᠨ᠎ᠡ᠃     ︵ᠭᠤᠷᠪᠠ︶ ᠬᠢᠵᠢᠭ ᠤᠨ ᠪᠠᠶᠢᠳᠠᠯ ᠤᠨ ᠮᠡᠳᠡᠭᠦᠯᠦᠯᠳᠡ     ᠶᠠᠮᠠᠷᠪᠠ ᠪᠠᠶᠢᠭᠤᠯᠭ᠎ᠠ ᠪᠠ ᠬᠤᠪᠢ ᠬᠦᠮᠦᠨ ᠴᠦᠮ ᠡᠯ᠎ᠡ ᠱᠠᠳᠣᠨ ᠤ ᠠᠷᠠᠳ ᠤᠨ ᠵᠠᠰᠠᠭ ᠣᠷᠳᠣᠨ ᠵᠢᠴᠢ, ᠮᠠᠯ ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠵᠢᠴᠢ ᠪᠣᠰᠣᠳ ᠲᠠᠯᠳᠠ ᠭᠡᠮ ᠢ ᠮᠡᠳᠡᠭᠦᠯᠬᠦ ᠡᠷᠬᠡ ᠲᠠᠢ᠂ ᠲᠡᠭᠡᠳᠦ ᠱᠠᠳᠣᠨ ᠤ ᠠᠷᠠᠳ ᠤᠨ ᠵᠠᠰᠠᠭ ᠤᠨ ᠣᠷᠳᠣᠨ ᠤ ᠡᠷᠬᠡ ᠲᠣᠰᠢᠶᠠᠯᠳᠦ ᠰᠠᠯᠠᠭ᠎ᠠ ᠮᠦᠴᠢᠷ ᠲᠤ ᠡᠭᠦᠷᠭᠡ ᠲᠣᠰᠢᠶᠠᠯ ᠢᠶᠠᠨ ᠭᠦᠢᠴᠡᠳᠬᠡᠭᠰᠡᠨ ᠦᠭᠡᠢ ᠪᠣᠶᠣ ᠲᠣᠭᠳᠠᠭᠠᠯ ᠢ ᠵᠦᠷᠢᠴᠡᠭᠰᠡᠨ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠢ ᠪᠠᠴᠢᠮ ᠢ ᠠᠷᠭᠠᠴᠠᠨ ᠰᠢᠢᠳᠪᠦᠷᠢᠯᠡᠬᠦ ᠲᠣᠰᠢᠶᠠᠯ ᠬᠠᠷᠢᠭᠤᠴᠠᠯᠭ᠎ᠠ ᠶᠢᠨ ᠰᠠᠯᠠᠭ᠎ᠠ ᠮᠦᠴᠢᠷ᠂ ᠪᠠᠶᠢᠭᠤᠯᠭ᠎ᠠ ᠪᠣᠯᠣᠨ ᠬᠤᠪᠢ ᠬᠦᠮᠦᠨ ᠢ ᠢᠯᠡᠴᠢᠯᠡᠨ ᠮᠡᠳᠡᠭᠦᠯᠬᠦ ᠡᠷᠬᠡ ᠲᠠᠢ᠃     1. ᠬᠢᠵᠢᠭ ᠤᠨ ᠨᠣᠳᠠᠯᠠᠯᠳᠠ᠃ ᠬᠤᠰᠢᠭᠤᠨ ᠤ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠦᠪᠡᠷ ᠦᠪᠡᠷ ᠤᠨ ᠲᠣᠰᠢᠶᠠᠯ ᠬᠠᠷᠢᠭᠤᠴᠠᠯᠭ᠎ᠠ ᠪᠣᠯᠣᠨ ᠡᠷᠬᠡ ᠶᠢᠨ ᠬᠢᠵᠠᠭᠠᠷᠯᠠᠯ ᠢᠶᠠᠨ ᠦᠨᠳᠦᠰᠦᠯᠡᠨ ᠂ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠳᠤ ᠰᠡᠵᠢᠭᠯᠡᠯ ᠮᠠᠭᠠᠳᠯᠠᠯᠳᠠ ᠬᠢᠵᠣ᠂ ᠬᠦᠨᠳᠦ ᠶᠡᠭᠡ ᠠᠮᠢᠳᠠᠨ ᠤ ᠬᠢᠵᠢᠭ ᠢᠶᠠᠷ ᠨᠣᠳᠠᠯᠠᠪᠠᠯ᠂ ᠡᠪᠡᠳᠴᠢᠨ ᠤ ᠶᠡᠩᠵᠣ ᠠᠪᠴᠦ ᠬᠤᠳᠠ ᠶᠢᠨ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠬᠦᠷᠭᠡᠵᠣ ᠲᠣᠷᠰᠢᠯᠳᠠ ᠬᠢᠯᠭᠡᠵᠣ ᠨᠣᠨᠣᠰᠢᠯᠠᠭᠤᠯᠣᠨ᠎ᠠ᠃     2. ᠬᠢᠵᠢᠭ ᠤᠨ ᠮᠡᠳᠡᠭᠦᠯᠬᠦ ᠪᠠᠶᠢᠭᠤᠯᠭ᠎ᠠ ᠪᠣᠯᠣᠨ ᠬᠠᠷᠢᠭᠤᠴᠠᠯᠭᠠᠳᠠᠨ ᠤ ᠬᠠᠷᠢᠭᠤᠴᠠᠯᠭ᠎ᠠ᠃ ᠬᠤᠰᠢᠭᠤᠨ ᠤ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠲᠣᠰ ᠬᠠᠷᠢᠶ᠎ᠠ ᠣᠷᠣᠨ ᠤ ᠠᠮᠢᠳᠠᠨ ᠤ ᠬᠢᠵᠢᠭ ᠤᠨ ᠪᠠᠶᠢᠳᠠᠯ ᠳᠤ ᠬᠢᠨᠠᠨ ᠰᠢᠯᠭᠠᠯᠳᠠ ᠪᠠ ᠮᠡᠳᠡᠭᠦᠯᠦᠯᠳᠡ ᠬᠢᠬᠦ ᠠᠵᠢᠯ ᠢ ᠬᠠᠷᠢᠭᠤᠴᠠᠨ᠂ ᠡᠯ᠎ᠡ ᠪᠠᠯᠭᠠᠰᠣᠨ ᠤ ᠠᠮᠢᠳᠠᠨ ᠤ ᠡᠷᠡᠭᠦᠯ ᠬᠠᠮᠠᠭᠠᠯᠠᠯ ᠬᠢᠨᠠᠨ ᠲᠠᠯᠪᠢᠬᠤ ᠦᠷᠳᠡᠭᠡ ᠲᠣᠰ ᠬᠠᠷᠢᠶ᠎ᠠ ᠣᠷᠣᠨ ᠤ ᠠᠮᠢᠳᠠᠨ ᠤ ᠬᠢᠵᠢᠭ ᠤᠨ ᠪᠠᠶᠢᠳᠠᠯ ᠳᠤ. ᠮᠡᠳᠡᠭᠦᠯᠦᠯᠳᠡ ᠬᠢᠬᠦ ᠠᠵᠢᠯ ᠢ ᠬᠠᠷᠢᠭᠤᠴᠠᠨ᠎ᠠ᠃ ᠠᠮᠢᠳᠠᠨ ᠤ ᠬᠢᠵᠢᠭ ᠪᠠᠶᠢᠴᠠᠭᠠᠭᠴᠢ᠂ ᠭᠠᠴᠠᠭ᠎ᠠ ᠲᠣᠰᠬᠤᠨ ᠤ ᠲᠡᠰ ᠤᠨ ᠠᠮᠢᠳᠠᠨ ᠤ ᠬᠢᠵᠢᠭ ᠰᠡᠷᠭᠡᠶᠢᠯᠡᠭᠴᠢ᠂ ᠠᠵᠢᠯ ᠡᠷᠬᠢᠯᠡᠬᠦ ᠬᠢᠷᠢ ᠬᠡᠮ ᠲᠠᠢ ᠮᠠᠯ ᠤᠨ ᠡᠮᠴᠢ ᠪᠣᠯᠣᠨ ᠲᠣᠰᠠᠯᠠᠭᠴᠢ ᠮᠠᠯ ᠤᠨ ᠡᠮᠴᠢ ᠶᠢᠨ ᠬᠢᠷᠢ ᠬᠡᠮ ᠲᠠᠢ ᠡᠮᠴᠢ ᠠᠮᠢᠳᠠᠨ ᠤ ᠬᠢᠵᠢᠭ ᠤᠨ ᠪᠠᠶᠢᠳᠠᠯ ᠢ ᠮᠡᠳᠡᠭᠦᠯᠬᠦ ᠡᠭᠦᠷᠭᠡ ᠬᠠᠷᠢᠭᠤᠴᠠᠯᠭ᠎ᠠ ᠲᠠᠢ᠃ ᠶᠠᠮᠠᠷᠪᠡ ᠪᠠᠶᠢᠭᠤᠯᠭ᠎ᠠ ᠪᠣᠶᠣ ᠬᠤᠪᠢ ᠬᠦᠮᠦᠨ ᠠᠮᠢᠳᠠᠨ ᠤ ᠬᠠᠯᠳᠠᠪᠦᠷᠢᠳᠦ ᠬᠢᠵᠢᠭ ᠪᠣᠶᠣ ᠰᠡᠵᠢᠭᠯᠡᠯᠳᠡᠢ ᠬᠠᠯᠳᠠᠪᠦᠷᠢᠳᠦ ᠡᠪᠡᠳᠴᠢᠨ ᠣᠯᠵᠣ ᠮᠡᠳᠡᠪᠡᠯ᠂ ᠲᠣᠰ ᠭᠠᠵᠠᠷ ᠤᠨ ᠮᠡᠯ ᠡᠮᠨᠡᠯᠭᠡ ᠶᠢᠨ ᠵᠠᠰᠠᠭ ᠵᠠᠷᠬᠢᠭᠠᠨ ᠤ ᠰᠠᠯᠠᠭ᠎ᠠ ᠮᠦᠴᠢᠷ᠂ ᠠᠮᠢᠳᠠᠨ ᠤ ᠡᠷᠡᠭᠦᠯ ᠬᠠᠮᠠᠭᠠᠯᠠᠯ ᠤᠨ ᠬᠢᠨᠠᠯᠳᠠ ᠲᠠᠯᠪᠢᠬᠤ ᠪᠠᠶᠢᠭᠤᠯᠣᠮᠵᠢ᠂ ᠠᠮᠢᠳᠠᠨ  ᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠪᠣᠶᠣ ᠪᠠᠴᠢᠮ ᠢ ᠠᠷᠭᠠᠴᠠᠬᠤ ᠪᠠᠶᠢᠭᠤᠯᠣᠮᠵᠢ ᠳᠤ ᠮᠡᠳᠡᠭᠦᠯᠵᠣ᠂ ᠲᠣᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠦ᠂ ᠬᠢᠵᠢᠭ ᠡᠪᠡᠳᠴᠢᠨ ᠢ ᠲᠡᠯᠭᠡᠷᠡᠬᠦ ᠠᠴᠠ ᠰᠡᠷᠭᠡᠶᠢᠯᠡᠨ᠎ᠡ ︵ᠬᠢᠵᠢᠭ  ᠤᠨ ᠪᠠᠶᠢᠳᠠᠯ ᠢ ᠮᠡᠳᠡᠭᠦᠯᠬᠦ ᠣᠳᠠᠰᠦ᠄ 0477 — 7623348᠂ ᠹᠡᠺᠰ᠄ 0477 — 7623348᠂ 7625523︶᠃     3. ᠬᠢᠵᠢᠭ ᠤᠨ ᠪᠠᠶᠢᠳᠠᠯ ᠮᠡᠳᠡᠭᠦᠯᠬᠦ ᠲᠡᠰ ᠲᠠᠷᠠᠭᠠᠠᠯᠠᠯ ᠪᠣᠯᠣᠨ ᠴᠠᠭ ᠤᠨ ᠬᠢᠵᠠᠭᠠᠷᠯᠠᠯ᠃ ᠰᠡᠵᠢᠭᠯᠡᠯᠳᠡᠢ ᠠᠮᠢᠳᠠᠨ ᠤ ᠬᠢᠵᠢᠭ ᠣᠯᠵᠣ ᠮᠡᠳᠡᠪᠡᠯ᠂ ᠠᠮᠢᠳᠡᠨ ᠤ ᠭᠢᠵᠢᠭ ᠤᠨ ᠮᠡᠳᠡᠭᠦᠯᠦᠯᠳᠡ ᠶᠢ ᠲᠣᠰᠣᠭᠰᠠᠨ ᠪᠠᠶᠢᠭᠤᠯᠭ᠎ᠠ ᠠᠵᠢᠯᠳᠡᠨ ᠲᠣᠮᠢᠯᠠᠨ ᠲᠣᠬᠠᠢ ᠭᠠᠵᠠᠷ ᠳᠤ ᠪᠣᠳᠠᠳᠠᠢ ᠬᠠᠷᠭᠤᠭᠤᠯᠳᠠ ᠬᠢᠵᠣ᠂ ᠴᠠᠭ ᠲᠣᠬᠠᠢ ᠳᠤ ᠨᠢ ᠡᠵᠡᠮᠳᠡᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠣᠨ ᠬᠠᠮᠳᠦ ᠲᠣᠰ ᠭᠠᠵᠠᠷ ᠤᠨ ᠠᠮᠢᠳᠡᠨ ᠤ ᠡᠷᠡᠭᠦᠯ ᠬᠠᠮᠠᠭᠠᠯᠠᠯ ᠤᠨ ᠬᠢᠨᠠᠯᠳᠠ ᠲᠠᠯᠪᠢᠬᠤ ᠦᠷᠳᠡᠭᠡ ᠳᠤ ᠮᠡᠳᠡᠭᠦᠯᠦᠨ᠎ᠡ᠃ ᠲᠣᠰ ᠭᠠᠵᠠᠷ ᠤᠨ ᠠᠮᠢᠳᠡᠨ ᠤ ᠡᠷᠡᠭᠦᠯ ᠬᠠᠮᠠᠭᠠᠯᠠᠯ ᠤᠨ ᠬᠢᠨᠠᠯᠳᠠ ᠲᠠᠯᠪᠢᠬᠤ ᠦᠷᠳᠡᠭᠡ ᠮᠡᠳᠡᠭᠦᠯᠦᠯᠳᠡ ᠶᠢ ᠲᠣᠰᠣᠭᠰᠠᠨ ᠤ ᠲᠠᠷᠠᠭ᠎ᠠ᠂ ᠲᠠᠷᠣᠢ ᠲᠦᠷᠭᠡᠨ ᠲᠣᠬᠠᠢ ᠭᠠᠵᠠᠷ ᠳᠤ ᠬᠦᠷᠴᠦ ᠪᠣᠳᠠᠳᠠᠢ ᠣᠨᠣᠰᠢᠯᠠᠯᠳᠠ ᠬᠢᠬᠦ ᠶᠢᠨ ᠬᠠᠮᠳᠦ ᠬᠤᠰᠢᠭᠤᠨ ᠤ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠳᠤ ᠮᠡᠳᠡᠭᠦᠯᠵᠣ᠂ ᠬᠤᠰᠢᠭᠤᠨ ᠤ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠲᠣᠰᠬᠠᠢ ᠮᠡᠷᠭᠡᠵᠢᠯᠳᠡᠨ ᠲᠣᠮᠢᠯᠠᠨ ᠲᠣᠬᠠᠢ ᠲᠠᠯᠠᠪᠠᠢ ᠳᠤ ᠬᠠᠪᠰᠣᠷᠣᠨ ᠣᠨᠣᠰᠢᠯᠠᠵᠣ᠂ ᠴᠢᠬᠤᠯᠠ ᠲᠠᠢ ᠦᠶ᠎ᠡ ᠳᠤ ᠬᠤᠳᠠ ᠶᠢᠨ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠬᠠᠪᠰᠣᠷᠣᠭᠴᠢ ᠲᠣᠮᠢᠯᠠᠨ ᠣᠨᠣᠰᠢᠯᠠᠭᠤᠯᠣᠨ᠎ᠠ᠃ ᠰᠡᠵᠢᠭᠯᠡᠯᠳᠡᠢ ᠬᠦᠨᠳᠦ ᠶᠡᠭᠡ ᠠᠮᠢᠳᠠᠨ ᠤ ᠬᠢᠵᠢᠭ ᠢᠶᠠᠷ ᠮᠠᠭᠠᠳᠯᠠᠨ ᠲᠣᠭᠳᠠᠭᠠᠪᠠᠯ᠂ 1 ᠴᠠᠭ ᠤᠨ ᠲᠣᠳᠣᠷ᠎ᠠ ᠬᠢᠵᠢᠭ ᠤᠨ ᠪᠠᠶᠢᠳᠠᠯ ᠢ ᠬᠤᠰᠢᠭᠤᠨ ᠤ ᠵᠢᠯᠣᠭᠤᠳᠬᠤ ᠬᠡᠯᠳᠡᠰ ᠤᠨ ᠠᠯᠪᠠᠨ ᠭᠡᠷ ᠲᠤ ᠮᠡᠳᠡᠭᠦᠯᠬᠦ ᠶᠢᠨ ᠬᠠᠮᠳᠦ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠮᠡᠳᠡᠭᠦᠯᠦᠨ᠎ᠡ︔ 2 ᠴᠠᠭ ᠤᠨ ᠲᠣᠳᠣᠷ᠎ᠠ ᠬᠢᠵᠢᠭ ᠤᠨ ᠪᠠᠶᠢᠳᠠᠯ ᠢ ᠬᠤᠳᠠ ᠶᠢᠨ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠳᠤ ᠮᠡᠳᠡᠭᠦᠯᠦᠨ᠎ᠡ᠃ ᠬᠦᠮᠦᠨ ᠠᠮᠢᠳᠠᠨ ᠳᠤ ᠬᠠᠯᠳᠠᠪᠦᠷᠢᠯᠠᠬᠤ ᠡᠪᠡᠳᠴᠢᠨ ᠢ ᠮᠡᠯ ᠡᠮᠨᠡᠯᠭᠡ ᠶᠢᠨ ᠭᠤᠣᠯᠯᠠᠨ ᠬᠠᠮᠢᠶᠠᠷᠬᠤ  ᠰᠠᠯᠠᠭ᠎ᠠ ᠮᠦᠴᠢᠷ ᠪᠣᠯᠣᠨ ᠡᠷᠡᠭᠦᠯ ᠬᠠᠮᠠᠯᠭᠠᠯᠠᠯ ᠤᠨ ᠭᠤᠣᠯᠯᠠᠨ ᠬᠠᠮᠢᠶᠠᠷᠬᠤ  ᠰᠠᠯᠠᠭ᠎ᠠ ᠮᠦᠴᠢᠷ ᠴᠠᠭ ᠲᠣᠬᠠᠢ ᠳᠤ ᠨᠢ ᠬᠠᠷᠢᠯᠴᠠᠨ ᠮᠡᠳᠡᠭᠳᠡᠨ᠎ᠡ᠃     4. ᠮᠡᠳᠡᠭᠦᠯᠦᠯᠳᠡ ᠶᠢᠨ ᠠᠭᠤᠯᠭ᠎ᠠ᠃ ᠬᠢᠵᠢᠭ ᠤᠨ ᠡᠬᠦᠰᠦᠭᠰᠡᠨ ᠴᠠᠭ᠂ ᠭᠠᠵᠠᠷ ᠣᠷᠣᠨ︔ ᠬᠠᠯᠳᠠᠪᠦᠷᠢᠳᠦ ᠬᠢᠵᠢᠭ᠂ ᠰᠡᠵᠢᠭᠯᠡᠯᠳᠡᠢ ᠬᠠᠯᠳᠠᠪᠦᠷᠢᠯᠠᠭᠰᠠᠨ ᠠᠮᠢᠳᠠᠨ ᠲᠦᠷᠦᠯ ᠪᠣᠯᠣᠨ ᠲᠤᠭ᠎ᠠ ᠬᠡᠮᠵᠢᠶ᠎ᠡ᠂ ᠠᠳᠠᠯᠢ ᠲᠦᠷᠦᠯ ᠤᠨ ᠠᠮᠢᠳᠠᠨ ᠤ ᠲᠤᠭ᠎ᠠ ᠲᠣᠯᠣᠭᠠᠢ᠂ ᠦᠯᠦ ᠬᠠᠯᠳᠠᠭᠠᠬᠤ ᠪᠠᠶᠢᠳᠠᠯ᠂ ᠦᠬᠦᠳᠡᠯ ᠤᠨ ᠲᠤᠭ᠎ᠠ᠂ ᠡᠮᠴᠢᠯᠡᠭᠡᠨ ᠤ ᠢᠯᠡᠷᠡᠯ᠂ ᠡᠮᠴᠢᠯᠡᠭᠡᠨ ᠤ ᠡᠪᠡᠳᠴᠢᠨ ᠤ ᠬᠤᠪᠢᠷᠠᠯᠳᠠ᠂ ᠣᠨᠣᠰᠢᠯᠠᠬᠤ ᠪᠠᠶᠢᠳᠠᠯ︔ ᠲᠡᠯᠭᠡᠷᠡᠵᠣ ᠪᠠᠶᠢᠭ᠎ᠠ ᠡᠪᠡᠳᠴᠢᠨ ᠪᠠ ᠬᠢᠵᠢᠭ  ᠤᠨ ᠡᠬᠢ ᠮᠦᠷᠳᠡᠬᠦ ᠪᠠᠶᠢᠳᠠᠯ︔ ᠠᠪᠣᠭᠰᠠᠨ ᠡᠵᠡᠮᠰᠢᠬᠦ ᠠᠷᠭ᠎ᠠ ᠬᠡᠮᠵᠢᠶ᠎ᠡ︔ ᠬᠢᠵᠢᠭ ᠤᠨ ᠪᠠᠶᠢᠳᠠᠯ ᠢ ᠮᠡᠳᠡᠭᠦᠯᠦᠭᠰᠡᠨ ᠪᠠᠶᠢᠭᠤᠯᠭ᠎ᠠ᠂ ᠬᠠᠷᠢᠭᠤᠴᠠᠯᠭᠠᠳᠠᠨ᠂ ᠮᠡᠳᠡᠭᠦᠯᠦᠭᠰᠡᠨ ᠬᠦᠮᠦᠨ ᠵᠢᠴᠢ ᠬᠠᠷᠢᠯᠴᠠᠬᠤ ᠠᠷᠭ᠎ᠠ ᠵᠡᠷᠭᠡ ᠶᠢ ᠲᠠᠷᠢᠶᠠᠯᠠᠩ ᠤᠨ ᠶᠠᠮᠣᠨ ᠤ ᠨᠢᠭᠡᠳᠦᠯᠳᠡᠢ ᠬᠢᠵᠢᠭ ᠤᠨ ᠮᠡᠳᠡᠭᠦᠯᠦᠯᠳᠡ ᠶᠢᠨ ᠲᠦᠷᠢᠮᠵᠢᠯ ᠵᠠᠭᠪᠣᠷ ᠶᠢ ᠦᠨᠳᠦᠰᠦᠯᠡᠨ ᠲᠠᠭᠯᠠᠨ᠎ᠠ᠃     5. ᠮᠡᠳᠡᠭᠦᠯᠦᠯᠳᠡ ᠶᠢᠨ ᠬᠡᠯᠪᠡᠷᠢ᠃ ᠬᠢᠵᠢᠭ ᠡᠪᠡᠳᠴᠢᠨ ᠤ ᠡᠪᠡᠳᠴᠢᠨ ᠤ ᠲᠦᠷᠦᠯ ᠪᠠ ᠬᠢᠵᠢᠭ ᠤᠨ ᠪᠠᠶᠢᠳᠠᠯ  ᠢ ᠦᠨᠳᠦᠰᠦᠯᠡᠨ᠂ ᠬᠤᠰᠢᠭᠤᠨ ᠤ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠣᠯᠣᠰ ᠤᠨ ᠬᠤᠯᠪᠣᠭᠳᠠᠯ ᠪᠦᠬᠦᠢ ᠲᠣᠭᠳᠠᠭᠠᠯ ᠶᠣᠰᠣᠭᠠᠷ ᠬᠢᠵᠢᠭ ᠤᠨ ᠪᠠᠶᠢᠳᠠᠯ ᠢ ᠮᠡᠳᠡᠭᠦᠯᠦᠨ᠎ᠡ︔ ᠪᠣᠰᠣᠳ ᠬᠠᠷᠢᠭᠤᠴᠠᠯᠭ᠎ᠠ ᠶᠢᠨ ᠮᠡᠳᠡᠭᠦᠯᠦᠯᠳᠡ ᠶᠢ ᠪᠠᠶᠢᠭᠤᠯᠭ᠎ᠠ ᠪᠣᠯᠣᠨ ᠬᠤᠪᠢ ᠬᠦᠮᠦᠨ ᠳ᠋ᠢᠶᠡᠭᠬᠤᠸᠠ ᠪᠣᠶᠣ ᠪᠢᠴᠢᠭ ᠤᠨ ᠬᠡᠯᠪᠡᠷᠢ ᠪᠠᠷ ᠲᠣᠰ ᠭᠠᠵᠠᠷ ᠤᠨ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠳᠤ ᠮᠡᠳᠡᠭᠦᠯᠦᠨ᠎ᠡ᠃ ᠬᠢᠵᠢᠭ ᠤᠨ ᠪᠠᠶᠢᠳᠠᠯ ᠢ 2 ᠴᠠᠭ ᠲᠤ ᠨᠢᠭᠡ ᠣᠳᠠᠭ᠎ᠠ ᠮᠡᠳᠡᠭᠦᠯᠬᠦ ᠪᠠ ᠦᠷᠭᠦᠯᠵᠢᠯᠡᠨ ᠮᠡᠳᠡᠭᠦᠯᠬᠦ ᠲᠦᠷᠢᠮ ᠲᠣᠭᠳᠠᠭᠠᠨ᠎ᠠ᠃ ᠬᠢᠵᠢᠭ ᠡᠭᠦᠰᠦᠭᠰᠡᠨ ᠤ ᠲᠠᠷᠠᠭ᠎ᠠ᠂ ᠲᠣᠰ ᠭᠠᠵᠠᠷ ᠤᠨ ᠬᠤᠰᠢᠭᠤ ᠠᠷᠠᠳ ᠤᠨ ᠵᠠᠰᠠᠭ  ᠤᠨ ᠣᠷᠳᠣᠨ ᠲᠠᠷᠣᠢ ᠲᠦᠷᠭᠡᠨ ᠪᠣᠳᠠᠳᠠᠢ ᠬᠢᠨᠠᠨ ᠬᠠᠷᠭᠤᠭᠤᠯᠵᠣ᠂ ᠬᠤᠳᠠ ᠶᠢᠨ ᠠᠷᠠᠳ ᠤᠨ ᠵᠠᠰᠠᠭ ᠣᠷᠳᠣᠨ ᠳᠤ ᠮᠡᠳᠡᠭᠦᠯᠦᠨ᠎ᠡ᠃ ᠪᠠᠴᠢᠮ ᠦᠶ᠎ᠡ ᠳᠤ ᠣᠳᠠᠰᠦ ᠪᠠᠷ ᠮᠡᠳᠡᠭᠦᠯᠵᠣ ᠪᠣᠯᠣᠨ᠎ᠠ᠂ ᠭᠡᠪᠡᠴᠦ ᠬᠡᠷᠡᠭ ᠲᠠᠷᠠᠭᠠᠬᠢ 1 ᠴᠠᠭ ᠤᠨ ᠲᠣᠳᠣᠷ᠎ᠠ ᠪᠢᠴᠢᠭ ᠤᠨ ᠬᠡᠯᠪᠡᠷᠢ ᠶᠢᠨ ᠮᠠᠲ᠋ᠧᠷᠢᠶᠠᠯ ᠢᠶᠠᠨ ᠨᠦᠬᠦᠪᠦᠷᠢᠯᠡᠨ᠎ᠡ᠃ ᠠᠩᠬ᠎ᠠ ᠠᠯᠬᠤᠮ ᠮᠡᠳᠡᠭᠦᠯᠬᠦ ᠳᠤ ᠴᠣᠬᠤᠯᠠᠪᠦᠷᠢᠯᠠᠬᠤ ᠲᠡᠰ ᠲᠠᠷᠠᠭ᠎ᠠ ᠶᠢ ᠲᠦᠭᠦᠮᠴᠢᠯᠠᠨ᠂ ᠵᠠᠷᠴᠢᠮ ᠲᠡᠭᠡᠷ᠎ᠡ ᠪᠠᠨ ᠬᠤᠰᠢᠭᠤᠨ ᠤ ᠵᠢᠭᠠᠨ ᠵᠢᠯᠣᠭᠤᠳᠬᠤ ᠬᠡᠯᠳᠡᠰ ᠤᠨ ᠠᠯᠪᠠᠨ ᠭᠡᠷ ᠤᠨ ᠡᠷᠬᠢᠯᠡᠭᠴᠢ ᠪᠣᠶᠣ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠬᠤ ᠲᠡᠳ᠋ ᠡᠷᠬᠢᠯᠡᠭᠴᠢ ᠴᠣᠬᠤᠯᠠᠪᠦᠷᠢᠯᠠᠭᠰᠠᠨ ᠤ ᠲᠠᠷᠠᠭ᠎ᠠ ᠰᠠᠶ᠋ᠢ ᠮᠡᠳᠡᠭᠦᠯᠦᠨ᠎ᠡ᠃ ᠪᠠᠶᠢᠳᠠᠯ ᠪᠠᠴᠢᠮ᠂ ᠰᠢᠨᠵᠢ ᠴᠢᠨᠠᠷ ᠬᠦᠨᠳᠦ ᠨᠣᠴᠢᠳᠠᠢ ᠮᠦᠷᠳᠡᠬᠡᠨ ᠣᠬᠤᠷᠬᠠᠨ ᠴᠠᠭ ᠤᠨ ᠲᠣᠳᠣᠷ᠎ᠠ ᠬᠢᠵᠢᠭ ᠤᠨ ᠪᠠᠶᠢᠳᠠᠯ ᠢ ᠣᠶᠢᠯᠭᠠᠬᠤ ᠳᠤ ᠬᠦᠴᠢᠷ ᠦᠶ᠎ᠡ ᠳᠤ᠂ ︽ᠮᠡᠳᠡᠭᠦᠯᠬᠦ᠂ ᠣᠶᠢᠯᠭᠠᠬᠤ᠂ ᠴᠠᠭ ᠢ ᠠᠮᠵᠢᠨ ᠨᠦᠬᠦᠨ ᠮᠡᠳᠡᠭᠦᠯᠬᠦ︾ ᠠᠷᠭ᠎ᠠ ᠪᠠᠷ ᠲᠡᠭᠡᠭᠰᠢ ᠮᠡᠳᠡᠭᠦᠯᠦᠨ᠎ᠡ᠃ ᠠᠩᠬ᠎ᠠ ᠮᠡᠳᠡᠭᠦᠯᠬᠦ ᠠᠭᠤᠯᠭ᠎ᠠ ᠳᠤ᠄ ᠬᠢᠵᠢᠭ ᠡᠬᠦᠰᠦᠭᠰᠡᠨ ᠴᠠᠭ᠂ ᠭᠠᠵᠠᠷ᠂ ᠦᠷ᠎ᠡ ᠳ᠋ᠦᠩ ᠵᠡᠷᠭᠡ  ᠶᠢ ᠪᠠᠭᠳᠠᠭᠠᠨ᠎ᠠ᠃ ᠦᠷᠭᠦᠯᠵᠢᠯᠡᠨ ᠮᠡᠳᠡᠭᠦᠯᠬᠦ ᠠᠭᠤᠯᠭ᠎ᠠ ᠳᠤ᠄ ᠬᠢᠵᠢᠭ ᠡᠬᠦᠰᠦᠭᠰᠡᠨ ᠴᠠᠭ᠂ ᠭᠠᠵᠠᠷ᠂ ᠮᠡᠳᠡᠭᠡ ᠵᠠᠩᠬᠢ ᠶᠢᠨ ᠢᠷᠠᠯᠳᠠ᠂ ᠬᠢᠵᠢᠭ ᠤᠨ ᠴᠢᠨᠠᠷ᠂ ᠦᠨᠳᠦᠰᠦᠨ ᠶᠠᠪᠣᠴᠠ᠂ ᠡᠭᠦᠰᠦᠭᠰᠡᠨ ᠲᠠᠷᠠᠭᠠᠬᠢ ᠦᠷ᠎ᠡ ᠳ᠋ᠦᠩ᠂ ᠨᠦᠯᠦᠭᠡᠯᠡᠬᠦ ᠬᠦᠷᠢᠶ᠎ᠡ ᠬᠡᠪᠴᠢᠶ᠎ᠡ᠂ ᠲᠠᠯᠳᠠ ᠴᠢᠨᠠᠷ᠂ ᠬᠦᠭᠵᠢᠯᠳᠡ ᠶᠢᠨ ᠬᠠᠨᠳᠣᠰᠢ᠂ ᠰᠢᠢᠳᠪᠦᠷᠢᠯᠡᠬᠦ ᠪᠠᠶᠢᠳᠠᠯ᠂ ᠠᠰᠠᠭᠤᠳᠠᠯ ᠢ ᠰᠢᠢᠳᠪᠦᠷᠢᠯᠡᠬᠦ ᠬᠠᠪᠰᠣᠷᠣᠯᠭ᠎ᠠ ᠬᠦᠰᠡᠬᠦ ᠪᠠ ᠲᠠᠷᠠᠭ᠎ᠠ ᠨᠢᠭᠡ ᠠᠯᠬᠤᠮ ᠤᠨ ᠠᠵᠢᠯ ᠤᠨ ᠪᠠᠶᠢᠷᠢᠭᠤᠯᠣᠯᠳᠠ ᠵᠡᠷᠭᠡ ᠶᠢ ᠪᠠᠭᠳᠠᠭᠠᠨ᠎ᠠ᠃ ᠦᠷᠭᠦᠯᠵᠢᠯᠡᠨ ᠮᠡᠳᠡᠭᠦᠯᠬᠦ ᠳᠤ ᠬᠢᠵᠢᠭ ᠤᠨ ᠬᠦᠭᠵᠢᠯᠳᠡ ᠶᠢᠨ ᠪᠠᠶᠢᠳᠠᠯ  ᠢ ᠦᠨᠳᠦᠰᠦᠯᠡᠨ ᠴᠠᠭ᠂ ᠬᠠᠭᠠᠰ ᠡᠳᠦᠷ᠂ ᠡᠳᠦᠷ ᠤᠨ ᠮᠡᠳᠡᠭᠦᠯᠦᠯᠳᠡ ᠬᠢᠬᠦ ᠠᠷᠭ᠎ᠠ ᠠᠪᠣᠨ᠎ᠠ᠃     6. ᠬᠢᠵᠢᠭ ᠤᠨ ᠮᠡᠳᠡᠭᠦᠯᠦᠯᠳᠡ ᠶᠢᠨ ᠬᠠᠮᠢᠶᠠᠷᠣᠯᠳᠠ᠃ ᠬᠤᠰᠢᠭᠤᠨ ᠤ ᠠᠮᠢᠳᠠᠨ ᠤ ᠬᠢᠵᠢᠭ ᠢ ᠣᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠣᠮᠵᠢ ᠬᠢᠵᠢᠭ ᠤᠨ ᠪᠠᠶᠢᠳᠠᠯ ᠮᠡᠳᠡᠭᠦᠯᠬᠦ ᠬᠠᠷᠢᠯᠴᠠᠬᠤ ᠣᠳᠠᠰᠦ ᠪᠠᠨ ᠨᠡᠶᠢᠳᠡᠯᠡᠵᠣ᠂ ᠬᠢᠵᠢᠭ ᠤᠨ ᠪᠠᠶᠢᠳᠠᠯ ᠤᠨ ᠮᠡᠳᠡᠭᠦᠯᠦᠯᠳᠡ ᠶᠢᠨ ᠠᠵᠢᠯ ᠢ ᠲᠣᠰᠬᠠᠢ ᠬᠦᠮᠦᠨ ᠬᠠᠷᠢᠭᠤᠴᠠᠨ᠂ ᠣᠳᠠᠭ᠎ᠠ ᠪᠣᠯᠭᠠᠨ ᠤ ᠬᠢᠵᠢᠭ ᠤᠨ ᠪᠠᠶᠢᠳᠠᠯ ᠳᠤ ᠲᠠᠩᠰᠠ ᠡᠪᠬᠡᠮᠡᠯ ᠪᠠᠶᠢᠭᠤᠯᠵᠣ᠂ ᠰᠠᠶᠢᠳᠦᠷ ᠬᠠᠮᠢᠶᠠᠷᠣᠨ᠎ᠠ᠃ ᠲᠦᠷᠪᠡ᠂ ᠭᠡᠨᠡᠳᠳᠡ ᠶᠢᠨ ᠬᠦᠨᠳᠦ ᠶᠡᠭᠡ ᠠᠮᠢᠳᠠᠨ ᠤ ᠬᠢᠵᠢᠭ
 
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号