ᠣᠳᠤᠭ ᠡᠮᠦᠨᠡᠳᠦ ᠵᠠᠰᠠᠭ ᠠᠯᠪᠠᠨ ᠲᠠᠷᠬᠠᠭᠠᠬᠤ ﹇2017﹈ 63 ᠲᠣᠭᠠᠳᠦ
ᠨᠡᠶᠢᠲᠡᠯᠡᠭᠰᠡᠨ ᠴᠠᠭ᠄
2018-06-19
︽ᠣᠳᠤᠭ ᠤᠨ ᠡᠮᠦᠨᠡᠳᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ  ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ  ᠢ ᠴᠣᠭᠴᠠᠵᠢᠭᠤᠯᠣᠨ ᠡᠷᠬᠡ ᠲᠣᠳᠣᠳᠬᠠᠨ  ᠲᠠᠩᠰᠠᠯᠠᠵᠣ ᠦᠨᠡᠮᠯᠡᠯ  ᠣᠯᠭᠤᠬᠤ ᠠᠵᠢᠯ   ᠤᠨ ᠬᠡᠷᠡᠭᠵᠢᠭᠦᠯᠬᠦ  ᠲᠦᠰᠦᠯ  ︾ ᠢ ᠲᠠᠷᠣᠮᠠᠯᠯᠠᠨ  ᠲᠠᠷᠬᠠᠭᠠᠬᠤ ᠲᠣᠬᠠᠢ  ᠣᠳᠤᠭ ᠤᠨ  ᠡᠮᠦᠨᠡᠳᠦ  ᠬᠤᠰᠢᠭᠤᠨ   ᠤ  ᠠᠷᠠᠳ   ᠤᠨ  ᠵᠠᠰᠠᠭ   ᠤᠨ  ᠣᠷᠳᠣᠨ   ᠤ ᠠᠯᠪᠠᠨ ᠭᠡᠷ ᠤᠨ ᠮᠡᠳᠡᠭᠳᠡᠯᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ ᠵᠢᠴᠢ ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠳᠤ᠄ ︽ᠣᠳᠤᠭ ᠤᠨ ᠡᠮᠦᠨᠡᠳᠦ ᠬᠤᠰᠢᠭᠤᠨ ᠤ ᠮᠠᠯᠵᠢᠬᠤ ᠲᠠᠷᠢᠶᠠᠯᠬᠤ ᠣᠷᠣᠨ ᠤ ᠣᠷᠳ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠬᠡᠷᠡᠭᠵᠢᠭᠦᠯᠬᠦ ᠲᠦᠰᠦᠯ︾ ᠢ 2017 ᠣᠨ ᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠦᠷᠪᠡᠳᠦᠭᠡᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ ᠵᠦᠪᠰᠢᠶᠡᠷᠡᠵᠣ ᠲᠠᠷᠬᠠᠭᠠᠪᠠ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠳᠤᠭᠠᠢ᠃           ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ           2017 ᠣᠨ ᠤ 6 ᠰᠠᠷ᠎ᠠ ᠶᠢᠨ 1 ᠤ ᠡᠳᠦᠷ ᠣᠳᠤᠭ ᠤᠨ ᠡᠮᠦᠨᠡᠳᠦ ᠬᠤᠰᠢᠭᠤᠨ ᠤ ᠮᠠᠯᠵᠢᠬᠤ ᠲᠠᠷᠢᠶᠠᠯᠬᠤ ᠣᠷᠣᠨ ᠤ ᠣᠷᠳ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠪᠠ ᠭᠡᠷ ᠪᠠᠶᠢᠰᠢᠩ ᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠬᠡᠷᠡᠭᠵᠢᠭᠦᠯᠬᠦ ᠲᠦᠰᠦᠯ     ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠦᠮᠴᠢᠯᠡᠬᠦ ᠡᠷᠬᠡ ᠨᠢ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠶᠢᠨ ᠭᠤᠣᠯ ᠠᠭᠤᠯᠭ᠎ᠠ ᠪᠣᠯᠣᠨ᠎ᠠ᠂ ︽ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠣᠯᠠᠮ ᠨᠢᠭᠡ ᠠᠯᠬᠤᠮ ᠲᠦᠷᠭᠡᠳᠬᠡᠭᠦ ᠬᠤᠯᠪᠣᠭᠳᠠᠯ ᠪᠦᠬᠦᠢ ᠠᠰᠠᠭᠤᠳᠠᠯ ᠤᠨ ᠲᠣᠬᠠᠢ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠣᠨ ᠤ ᠮᠡᠳᠡᠭᠳᠡᠯ︾ ︵﹇2017﹈ 191 ᠲᠣᠭᠠᠳᠦ︶ ᠪᠣᠯᠣᠨ ᠦᠪᠡᠷᠳᠡᠭᠡᠨ ᠵᠠᠰᠠᠬᠤ ᠣᠷᠣᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠬᠤᠳᠠ ᠶᠢᠨ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶᠠᠨ ᠤ ᠣᠯᠠᠮᠵᠢᠯᠠᠨ ᠲᠠᠷᠬᠠᠭᠠᠭᠰᠠᠨ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ᠂ ᠬᠤᠰᠢᠭᠤ ᠨᠠᠮ ᠤᠨ ᠬᠤᠷᠢᠶᠠᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠣᠯᠳᠠ ᠶᠢᠨ ᠱᠠᠭᠠᠷᠳᠠᠯᠭ᠎ᠠ ᠶᠣᠰᠣᠭᠠᠷ᠂ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠶᠢᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠣ᠂ ᠮᠠᠨ ᠤ ᠬᠤᠰᠢᠭᠤᠨ ᠤ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠣᠰᠠᠳᠠ᠂ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ ᠲᠣᠰ ᠲᠦᠰᠦᠯ ᠢ ᠲᠣᠭᠳᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ     ᠣᠯᠣᠰ ᠤᠨ ᠡᠬᠢ ᠪᠠᠶᠠᠯᠢᠭ ᠤᠨ ᠶᠠᠮᠣᠨ᠂ ᠦᠪᠡᠷᠳᠡᠭᠡᠨ ᠵᠠᠰᠠᠬᠤ ᠣᠷᠣᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ᠂ ᠬᠤᠳᠠ ᠶᠢᠨ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶᠠᠨ ᠤ ᠣᠷᠳ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠭᠡᠷ ᠪᠠᠶᠢᠰᠢᠩ ᠢ ᠴᠣᠭᠴᠠᠵᠢᠭᠤᠯᠣᠨ ᠲᠠᠩᠰᠠᠯᠠᠵᠣ ᠦᠨᠡᠮᠯᠡᠯ ᠣᠯᠭᠤᠬᠤ ᠪᠠᠶᠢᠷᠢᠯᠠᠭᠤᠯᠣᠯᠳᠠ ᠪᠣᠯᠣᠨ ᠱᠠᠭᠠᠷᠳᠠᠯᠭ᠎ᠠ ᠪᠠᠷ ᠵᠢᠯᠣᠭᠤᠳᠣᠯᠭ᠎ᠠ ᠪᠣᠯᠭᠠᠨ᠂ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠶᠢ ᠬᠡᠷᠡᠭᠵᠢᠭᠦᠯᠬᠦ ᠣᠷᠢᠳᠠᠯ ᠲᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠵᠡᠷᠭᠡ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ  ᠤ ᠭᠠᠵᠠᠷ ᠲᠡᠭᠡᠷᠡᠭᠢ ᠭᠡᠷ ᠪᠠᠶᠢᠰᠢᠩ᠂ ᠪᠠᠷᠢᠯᠭ᠎ᠠ ᠶᠢ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠬᠡᠪᠴᠢᠶᠡᠨ ᠳᠤ ᠣᠷᠣᠭᠤᠯᠵᠣ᠂ ᠨᠢᠭᠡᠳᠦᠯᠳᠡᠢ ᠪᠠᠶᠢᠴᠠᠭᠠᠬᠤ᠂ ᠨᠢᠭᠡᠳᠦᠯᠳᠡᠢ ᠲᠠᠩᠰᠠᠯᠠᠬᠤ᠂ ᠨᠢᠭᠡᠳᠦᠯᠳᠡᠢ ᠦᠨᠡᠮᠯᠡᠯ ᠣᠯᠭᠤᠬᠤ ᠶᠢ ᠪᠡᠶᠡᠯᠡᠭᠦᠯᠦᠨ᠂ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠶᠢᠨ ᠲᠦᠷᠢᠮ ᠤᠨ ᠲᠣᠭᠳᠠᠯᠴᠠᠭ᠎ᠠ ᠶᠢ ᠲᠡᠭᠦᠯᠳᠡᠷᠵᠢᠭᠦᠯᠵᠣ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ  ᠶᠢᠨ ᠦᠮᠴᠢᠯᠡᠯ ᠤᠨ ᠡᠷᠬᠡ ᠶᠢᠨ ᠲᠦᠷᠢᠮ ᠶᠢᠨ ᠦᠭᠡᠷᠡᠴᠢᠯᠡᠯᠳᠡ ᠳᠤ ᠪᠠᠳᠦ ᠰᠠᠭᠤᠷᠢ ᠲᠠᠯᠪᠢᠨ᠎ᠠ᠃     ᠬᠤᠶᠠᠷ᠂ ᠦᠨᠳᠦᠰᠣᠨ ᠵᠠᠷᠴᠢᠮ     ︵ᠨᠢᠭᠡ︶ ᠨᠢᠭᠡᠳᠦᠯᠳᠡᠢ ᠲᠦᠯᠦᠪᠯᠡᠨ ᠨᠡᠶᠢᠳᠡ ᠳᠤᠨᠢ ᠬᠠᠷᠠᠭᠠᠯᠵᠠᠵᠣ᠂ ᠲᠣᠭᠳᠠᠭᠤᠨ ᠠᠬᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠡᠷᠬᠡ ᠶᠢ ᠲᠣᠳᠣᠳᠬᠠᠨ ᠲᠠᠩᠰᠠᠯᠠᠬᠤ ᠠᠵᠢᠯ ᠢ ᠭᠦᠨᠵᠡᠭᠡᠢ ᠦᠷᠨᠢᠭᠦᠯᠦᠭᠰᠡᠨ ᠰᠠᠭᠤᠷᠢᠨ ᠲᠡᠭᠡᠷ᠎ᠡ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠵᠡᠷᠭᠡ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠬᠦ ᠭᠠᠵᠠᠷ ᠲᠡᠭᠡᠷᠡᠬᠢ ᠭᠡᠷ ᠪᠠᠶᠢᠰᠢᠩ᠂ ᠪᠠᠷᠢᠯᠭ᠎ᠠ ᠶᠢᠨ ᠪᠠᠶᠢᠴᠠᠭᠠᠯᠳᠠ ᠶᠢᠨ ᠠᠵᠢᠯ ᠢ ᠨᠢᠭᠡᠳᠦᠯᠳᠡᠢ ᠠᠬᠢᠭᠤᠯᠣᠨ᠂ ᠦᠯᠦ ᠬᠦᠳᠡᠯᠬᠦ ᠬᠦᠷᠦᠩᠭᠡ ᠶᠢ ᠨᠢᠭᠡᠳᠦᠯᠳᠡᠢ ᠲᠠᠩᠰᠠᠯᠠᠬᠤ ᠪᠠᠶᠢᠭᠤᠯᠣᠯᠳᠠ ᠶᠢᠨ ᠪᠣᠳᠠᠳᠦ ᠬᠡᠷᠡᠭᠴᠡᠭᠡ ᠶᠢ ᠨᠡᠶᠢᠳᠡ ᠳᠤᠨᠢ ᠬᠠᠷᠠᠭᠠᠯᠵᠠᠵᠣ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠯᠡᠪᠳᠠᠭᠤᠨ ᠠᠬᠢᠭᠤᠯᠣᠨ᠎ᠠ᠃     ︵ᠬᠤᠶᠠᠷ︶ ᠪᠠᠶᠢᠴᠠᠭᠠᠯᠳᠠ ᠶᠢ ᠲᠦᠷᠢᠮᠵᠢᠭᠦᠯᠦᠨ᠂ ᠬᠠᠣᠯᠢ ᠶᠣᠰᠣᠭᠠᠷ ᠲᠠᠩᠰᠠᠯᠠᠨ᠎ᠠ᠃ ︽ᠡᠷᠬᠡ ᠶᠢᠨ ᠬᠠᠷᠢᠶᠠᠯᠠᠯ ᠬᠠᠣᠯᠢ ᠳᠤ ᠨᠡᠶᠢᠴᠡᠭᠦ᠂ ᠵᠠᠭᠠᠭ ᠬᠠᠶ᠋ᠢᠭ ᠲᠣᠳᠣᠷᠬᠠᠢ᠂ ᠲᠠᠯᠠᠪᠠᠢ ᠣᠨᠣᠪᠴᠢᠳᠠᠢ︾ ᠵᠠᠷᠴᠢᠮ ᠢᠶᠠᠷ ᠬᠤᠯᠪᠣᠭᠳᠠᠯ ᠪᠦᠬᠦᠢ ᠮᠡᠷᠭᠡᠵᠢᠯ ᠤᠨ ᠲᠣᠭᠳᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠠᠵᠠᠷ ᠰᠢᠷᠣᠢ ᠪᠠ ᠭᠡᠷ ᠪᠠᠶᠢᠰᠢᠩ ᠤᠨ ᠬᠠᠷᠢᠶᠠᠯᠠᠯ ᠤᠨ ᠡᠷᠬᠡ᠂ ᠵᠠᠭᠠᠭ ᠬᠠᠶ᠋ᠢᠭ᠂ ᠲᠠᠯᠠᠪᠠᠢ ᠪᠣᠯᠣᠨ ᠬᠡᠷᠡᠭᠴᠡᠭᠡ ᠵᠡᠷᠬᠡ ᠶᠢ ᠪᠠᠶᠢᠴᠠᠭᠠᠨ ᠲᠣᠳᠣᠷᠬᠠᠶᠢᠯᠠᠵᠣ᠂ ᠭᠠᠵᠠᠷ ᠰᠢᠷᠣᠢ ᠪᠣᠯᠣᠨ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠪᠠᠶᠢᠴᠠᠭᠠᠯᠳᠠ ᠶᠢᠨ ᠦᠷ᠎ᠡ ᠪᠦᠳᠦᠭᠡᠯ ᠢ ᠲᠡᠭᠦᠯᠳᠡᠷᠵᠢᠭᠦᠯᠦᠨ᠂ ᠲᠠᠩᠰᠠᠯᠠᠨ ᠦᠨᠠᠮᠯᠠᠯ ᠣᠯᠭᠤᠬᠤ ᠳᠤ ᠦᠨᠳᠦᠰᠦᠯᠡᠯ ᠬᠠᠩᠭᠠᠨ᠎ᠠ᠃ ᠡᠨᠡ ᠬᠦ ᠰᠠᠭᠤᠷᠢᠨ ᠲᠠᠭᠡᠷ᠎ᠡ᠂ ᠭᠠᠵᠠᠷ ᠰᠢᠷᠣᠢ ᠶᠢᠨ ᠲᠠᠩᠰᠠᠯᠠᠯᠳᠠ ᠶᠢᠨ ᠲᠤᠭᠳᠠᠭᠠᠯ ᠤᠨ ᠠᠭᠤᠯᠭ᠎ᠠ᠂ ᠲᠡᠰ ᠲᠠᠷᠠᠭᠠᠯᠠᠯ ᠪᠣᠯᠣᠨ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠲᠡᠩᠰᠠᠯᠠᠯᠳᠠ ᠶᠢᠨ ᠭᠠᠷ ᠭᠦᠢᠴᠡᠳᠬᠡᠯ ᠢ ᠭᠦᠢᠴᠡᠳᠬᠡᠨ᠎ᠡ᠃     ︵ᠭᠤᠷᠪᠠ︶ ᠠᠷᠠᠳ ᠲᠤ ᠲᠦᠭᠦᠮ ᠦᠵᠡᠭᠦᠯᠵᠣ᠂ ᠲᠣᠭᠳᠠᠭᠤᠨ ᠢ ᠪᠠᠳᠣᠯᠠᠨ᠎ᠠ᠃ ᠴᠢᠳᠠᠪᠬᠢ ᠶᠢ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠦᠷ᠎ᠡ ᠪᠦᠳᠦᠮᠵᠢ ᠢ ᠲᠡᠭᠡᠭᠰᠢᠯᠡᠭᠦᠯᠵᠣ᠂ ᠵᠠᠰᠠᠭ ᠵᠠᠬᠢᠷᠭᠠᠨ ᠤ ᠦᠪᠡᠷ ᠤᠨ ᠦᠷᠳᠡᠭ ᠢ ᠪᠠᠭᠤᠷᠠᠭᠤᠯᠣᠨ᠂ ᠰᠠᠯᠠᠭ᠎ᠠ ᠮᠦᠴᠢᠷ ᠤᠨ ᠬᠠᠮᠳᠣᠷᠠᠯᠴᠠᠭ᠎ᠠ ᠪᠠ ︽ᠨᠢᠭᠡ ᠦᠷᠳᠡᠭᠡᠴᠢᠯᠡᠨ︾ ᠣᠶᠢᠯᠡᠴᠢᠯᠡᠬᠦ ᠵᠡᠷᠭᠡ ᠲᠦᠬᠦᠷᠴᠢᠯᠡᠭᠰᠡᠨ ᠠᠷᠭ᠎ᠠ ᠪᠠᠷ ᠲᠠᠮᠵᠢᠭᠤᠯᠣᠨ᠂ ᠠᠷᠠᠳ ᠤᠨ ᠭᠤᠶᠣᠪᠴᠢᠯᠠᠯ ᠪᠠ ᠭᠡᠷ ᠪᠠᠶᠢᠰᠢᠩ ᠤᠨ ᠴᠣᠭᠴᠠᠵᠢᠭᠤᠯᠣᠭᠰᠠᠨ ᠲᠠᠩᠰᠠᠯᠠᠯᠳᠠ ᠳᠤ ᠲᠦᠬᠦᠮ ᠦᠵᠡᠭᠦᠯᠦᠨ᠎ᠡ᠃ ᠭᠠᠴᠠᠭ᠎ᠠ ᠲᠣᠰᠬᠤᠨ ᠤ ᠠᠷᠠᠳ ᠤᠨ ᠵᠦᠪᠯᠡᠯ ᠤᠨ ᠣᠶᠢᠯᠠᠳᠣᠯ ᠢ ᠭᠦᠢᠴᠡᠳ ᠪᠠᠳᠠᠷᠠᠭᠤᠯᠣᠨ᠂ ᠣᠯᠠᠨ ᠰᠠᠯᠠᠭ᠎ᠠ ᠮᠦᠴᠢᠷ ᠬᠠᠮᠳᠣᠷᠠᠯᠴᠠᠭᠰᠠᠨ ᠡᠷᠬᠡ ᠶᠢᠨ ᠬᠠᠷᠢᠶᠠᠯᠠᠯ ᠤᠨ ᠵᠢᠷᠭᠤᠯᠳᠣᠭᠠᠨ ᠢ ᠰᠢᠢᠳᠪᠦᠷᠢᠯᠡᠬᠦ ᠠᠵᠢᠯ ᠤᠨ ᠲᠣᠭᠳᠠᠯᠴᠠᠭ᠎ᠠ ᠶᠢ ᠪᠠᠶᠢᠭᠤᠯᠣᠨ᠂ ᠠᠷᠠᠳ ᠣᠯᠠᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠵᠣ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠲᠣᠭᠳᠠᠭᠤᠨ ᠢ ᠪᠠᠳᠣᠯᠠᠨ᠎ᠠ᠃     ᠭᠤᠷᠪᠠ᠂ ᠭᠤᠣᠯ ᠡᠭᠦᠷᠭᠡ     ᠲᠠᠩᠰᠠᠯᠠᠭᠤᠯᠵᠣ ᠦᠨᠡᠮᠯᠡᠯ ᠣᠯᠭᠤᠬᠤ ᠪᠠᠷ ᠭᠤᠣᠯ ᠪᠣᠯᠭᠠᠵᠣ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠢ ᠪᠠᠶᠢᠴᠠᠭᠠᠬᠤ  ᠶᠢᠨ ᠬᠠᠮᠳᠦ᠂ ᠭᠠᠵᠠᠷ ᠣᠷᠣᠨ ᠳᠤ ᠨᠢ ᠲᠣᠬᠢᠷᠠᠭᠤᠯᠣᠨ ᠪᠣᠳᠠᠳᠠᠢ ᠳᠤ ᠨᠡᠶᠢᠴᠡᠬᠦ ᠪᠠᠶᠢᠴᠠᠭᠠᠯᠳᠠ ᠶᠢᠨ ᠠᠷᠭ᠎ᠠ ᠶᠢ ᠬᠡᠷᠡᠭᠯᠡᠵᠣ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠵᠡᠷᠭᠡ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ  ᠤ ᠭᠠᠵᠠᠷ ᠲᠡᠭᠡᠷᠡᠬᠢ ᠭᠡᠷ ᠪᠠᠶᠢᠰᠢᠩ᠂ ᠪᠠᠷᠢᠯᠭ᠎ᠠ ᠶᠢᠨ ᠦᠮᠴᠢᠯᠡᠯ ᠤᠨ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠬᠡᠪᠴᠢᠶᠡᠨ ᠳᠤ ᠣᠷᠣᠭᠤᠯᠵᠣ᠂ ᠦᠯᠦ ᠬᠦᠳᠡᠯᠭᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠶᠢᠨ ᠱᠠᠭᠠᠷᠳᠠᠯᠭ᠎ᠠ ᠶᠣᠰᠣᠭᠠᠷ᠂ ᠨᠢᠭᠡᠳᠦᠯᠳᠡᠢ ᠪᠠᠶᠢᠴᠭᠠᠨ᠂ ᠨᠢᠭᠡᠳᠦᠯᠳᠡᠢ ᠡᠷᠬᠡ ᠲᠣᠳᠣᠳᠬᠠᠨ᠂ ᠨᠢᠭᠡᠳᠦᠯᠳᠡᠢ ᠲᠠᠩᠰᠠᠯᠠᠨ ᠦᠨᠡᠮᠯᠡᠯ ᠣᠯᠭᠤᠬᠤ ᠶᠢ ᠪᠠᠶᠡᠯᠡᠭᠦᠯᠦᠨ᠎ᠡ᠃ 2017 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠣᠷᠣᠪᠠᠯᠭᠠᠰᠦ ᠪᠠᠯᠭᠠᠰᠣᠨ ᠤ ᠲᠣᠷᠰᠢᠯᠳᠠ ᠶᠢᠨ ᠴᠡᠭ ᠤᠨ ᠭᠡᠷ ᠪᠠᠶᠢᠰᠢᠩ ᠢ ᠴᠣᠭᠴᠠᠵᠢᠭᠤᠯᠣᠨ ᠦᠨᠡᠮᠯᠡᠯ ᠣᠯᠭᠤᠬᠤ ᠠᠵᠢᠯ ᠢ ᠪᠡᠶᠡᠯᠡᠭᠦᠯᠬᠦ ᠶᠢ ᠪᠠᠳᠣᠯᠠᠨ᠂ 2018 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠢ ᠴᠣᠭᠴᠠᠵᠢᠭᠤᠯᠣᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠪᠡᠶᠡᠯᠡᠬᠦᠯᠬᠦ ᠶᠢ ᠪᠠᠳᠣᠯᠠᠨ᠎ᠠ᠃     ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠢ ᠪᠠᠶᠢᠴᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠡᠶᠢᠳᠡ ᠶᠢᠨ ᠭᠠᠵᠠᠷ ᠰᠢᠷᠣᠢ ᠶᠢᠨ ᠦᠮᠴᠢᠯᠡᠯ ᠤᠨ ᠡᠷᠬᠡ ᠶᠢᠨ ᠦᠷ᠎ᠡ ᠪᠦᠳᠦᠭᠡᠯ ᠢᠶᠠᠷ ᠰᠠᠭᠤᠷᠢ ᠪᠣᠯᠭᠠᠨ᠂ ︽ᠭᠠᠵᠠᠷ ᠰᠢᠷᠣᠢ  ᠶᠢᠨ ᠲᠠᠩᠰᠠᠨ ᠪᠠᠶᠢᠴᠠᠭᠠᠯᠳᠠ ᠶᠢᠨ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠡᠪᠴᠢᠶᠠᠨ ᠳᠠᠬᠢ ᠣᠷᠣᠨ ᠰᠠᠭᠤᠴᠠ ᠶᠢᠨ ᠰᠠᠭᠤᠷᠢ ᠭᠠᠵᠠᠷ᠂ ᠨᠡᠶᠢᠳᠡ ᠶᠢᠨ ᠪᠠᠶᠢᠭᠤᠯᠣᠯᠳᠠ  ᠶᠢᠨ ᠬᠡᠷᠡᠭᠯᠡᠨ ᠤ ᠭᠠᠵᠠᠷ ᠤᠨ ᠡᠷᠭᠡ ᠶᠢᠨ ᠬᠠᠷᠢᠶᠠᠯᠠᠯ ᠤᠨ ᠪᠠᠶᠢᠳᠠᠯ ︵ᠭᠠᠵᠠᠷ ᠪᠦᠭᠦᠳᠡ ᠶᠢᠨ ᠡᠷᠬᠡ ᠶᠢᠨ ᠬᠠᠷᠢᠶᠠᠯᠠᠯ ᠂ ᠵᠠᠭᠠᠭ  ᠬᠠᠶ᠋ᠢᠭ᠂ ᠲᠠᠯᠠᠪᠠᠢ ᠪᠣᠯᠣᠨ ᠬᠡᠷᠡᠭᠴᠡᠭᠡ ᠵᠡᠷᠭᠡ ᠰᠣᠷᠠᠭ ᠵᠠᠩᠬᠢ︶ ᠢ ᠪᠠᠶᠢᠴᠠᠭᠠᠨ᠂ ᠪᠦᠷᠢᠨ ᠪᠦᠳᠦᠨ ᠭᠠᠵᠠᠷ ᠰᠢᠷᠣᠢ ᠶᠢᠨ ᠪᠠᠶᠢᠴᠠᠭᠠᠯᠳᠠ ᠶᠢᠨ ᠦᠷ᠎ᠡ ᠪᠦᠳᠦᠭᠡᠯ ᠢ ᠪᠦᠷᠢᠯᠳᠦᠭᠦᠯᠦᠨ᠎ᠡ᠃     ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠪᠠᠶᠢᠴᠠᠭᠠᠯᠳᠠ ᠶᠢ ᠢᠵᠢᠯ ᠠᠯᠬᠤᠮ ᠢᠶᠠᠷ ᠦᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠰᠠᠭᠤᠷᠢ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠪᠠᠶᠢᠴᠠᠭᠠᠯᠳᠠ ᠶᠢ ᠦᠷᠨᠢᠭᠦᠯᠬᠦ ᠶᠢᠨ ᠬᠠᠮᠳᠦ᠂ ᠬᠦᠳᠡᠭᠡ ᠲᠣᠰᠬᠤᠨ  ᠤ ᠭᠡᠷ ᠪᠠᠶᠢᠰᠢᠩ ᠤᠨ ᠪᠠᠶᠢᠴᠠᠭᠠᠯᠳᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠣᠭᠳᠠᠭᠠᠯ ᠢ ᠦᠨᠳᠦᠰᠦᠯᠡᠨ᠂ ᠮᠠᠯᠵᠢᠬᠤ ᠲᠠᠷᠢᠶᠠᠯᠠᠬᠤ ᠣᠷᠣᠨ ᠤ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠪᠦᠬᠦᠶᠢᠯᠡ ᠭᠠᠵᠠᠷ ᠰᠢᠷᠣᠢ  ᠶᠢᠨ ᠬᠡᠪᠴᠢᠶᠠᠨ ᠳᠠᠬᠢ ᠭᠡᠷ ᠪᠠᠶᠢᠰᠢᠩ᠂ ᠪᠠᠷᠢᠯᠭ᠎ᠠ ᠶᠢᠨ ᠪᠠᠶᠢᠷᠠᠰᠢᠯ᠂ ᠲᠠᠯᠠᠪᠠᠢ᠂ ᠡᠷᠬᠡ ᠬᠠᠷᠢᠶᠠᠯᠠᠯ ᠵᠡᠷᠭᠡ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠢ ᠪᠠᠶᠢᠴᠠᠭᠠᠵᠣ᠂ ᠡᠯ᠎ᠡ ᠭᠠᠴᠠᠭ᠎ᠠ ᠲᠣᠰᠬᠤᠨ ᠳᠤ ᠡᠷᠬᠡ ᠲᠣᠳᠣᠳᠬᠠᠯ ᠤᠨ ᠲᠠᠩᠰᠠᠯᠠᠯᠳᠠ ᠶᠢᠨ ᠵᠠᠩᠬᠢ ᠶᠢ ︽ᠵᠠᠷᠯᠠᠬᠤ — ᠬᠠᠷᠢᠭᠤ ᠲᠣᠰᠬᠠᠬᠤ — ᠲᠠᠬᠢᠨ ᠵᠠᠷᠯᠠᠬᠤ︾ ᠲᠠᠷᠠᠭᠠᠯᠠᠯ ᠢᠶᠠᠷ ᠶᠠᠪᠣᠭᠳᠠᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ᠂ ᠭᠠᠵᠠᠷ ᠰᠢᠷᠣᠢ ᠶᠢᠨ ᠪᠠᠶᠢᠴᠠᠭᠠᠯᠳᠠ ᠶᠢ ᠢᠵᠢᠯ ᠠᠯᠬᠤᠮ ᠢᠶᠠᠷ ᠦᠷᠨᠢᠭᠦᠯᠬᠦ ᠪᠠ ᠪᠠᠶᠢᠴᠠᠭᠠᠯᠳᠠ ᠶᠢᠨ ᠦᠷ᠎ᠡ ᠪᠦᠳᠦᠭᠡᠯ ᠤᠨ ᠨᠢᠭᠡᠳᠦᠯᠳᠡᠢ ᠬᠠᠮᠢᠶᠠᠷᠣᠯᠳᠠ ᠶᠢ ᠪᠡᠶᠡᠯᠡᠭᠦᠯᠵᠣ᠂ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠳᠤ ᠪᠠᠳᠦ ᠪᠠᠬᠢ ᠰᠠᠭᠤᠷᠢ ᠲᠠᠯᠪᠢᠨ᠎ᠠ᠃     ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠭᠡᠷ ᠭᠠᠵᠠᠷ ᠢ ᠴᠣᠭᠴᠠᠵᠢᠭᠤᠯᠣᠨ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠨ᠎ᠠ᠃ ᠮᠠᠯᠴᠢᠨ ᠲᠠᠷᠢᠶᠠᠴᠢᠳ ᠤᠨ ᠦᠪᠡᠷ ᠤᠨ ᠲᠣᠷ᠎ᠠ ᠶᠢ ᠦᠨᠳᠦᠰᠦᠯᠡᠨ᠂ ︽ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠦᠷ ᠬᠡᠷᠡᠭᠯᠡᠬᠦ ᠲᠦᠷᠢᠮ︾᠂ ︽ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠦᠷ ᠬᠡᠷᠡᠭᠯᠡᠬᠦ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠡᠷᠡᠭᠯᠡᠬᠦ ᠡᠷᠬᠡ ᠶᠢᠨ ᠭᠤᠣᠯ ᠴᠣᠭᠴᠠ ᠵᠢᠴᠢ ᠲᠠᠩᠰᠠᠯᠠᠵᠣ ᠦᠨᠡᠮᠯᠡᠯ ᠣᠯᠭᠤᠬᠤ ᠲᠠᠯᠠᠪᠠᠢ ᠶᠢ ᠴᠢᠩᠭ᠎ᠠ ᠲᠦᠷᠢᠮᠵᠢᠭᠦᠯᠦᠨ᠎ᠡ᠃ ︽ᠦᠩᠭᠡᠷᠡᠭᠰᠡᠨ ᠢ ᠬᠦᠨᠳᠦᠳᠬᠡᠨ᠂ ᠪᠣᠳᠠᠳᠦ ᠠᠬᠤᠢ ᠶᠢ ᠴᠢᠬᠤᠯᠠᠴᠢᠯᠠᠬᠤ︾ ᠵᠠᠷᠴᠢᠮ ᠢᠶᠠᠷ ᠮᠠᠯᠵᠢᠬᠤ ᠲᠠᠷᠢᠶᠠᠯᠠᠬᠤ ᠣᠷᠣᠨ ᠤ ᠨᠡᠶᠢᠳᠡ  ᠶᠢᠨ ᠠᠰᠠᠷᠠᠮᠵᠢ ᠶᠢᠨ ᠣᠶᠢᠯᠠᠰ᠂ ᠨᠡᠶᠢᠳᠡ ᠶᠢᠨ ᠲᠦᠬᠦᠭᠡᠷᠦᠮᠵᠢ ᠵᠢᠴᠢ ᠪᠣᠰᠣᠳ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠢ ᠬᠠᠣᠯᠢ ᠶᠣᠰᠣᠭᠠᠷ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠨ᠎ᠠ᠃ ᠡᠬᠦᠨ ᠠᠴᠠ ᠭᠠᠳᠠᠨ᠎ᠠ᠂ ᠦᠪᠡᠷᠡᠰᠡᠳ ᠤᠨ ᠲᠣᠷ᠎ᠠ᠂ ᠭᠤᠶᠣᠪᠴᠢᠯᠠᠯ ᠶᠣᠰᠣᠭᠠᠷ ᠲᠠᠩᠰᠠᠯᠠᠬᠤ ᠵᠠᠷᠴᠢᠮ ᠢ ᠦᠨᠳᠦᠰᠦᠯᠡᠪᠡᠯ᠂ ᠨᠢᠭᠡᠨᠳᠡ ᠣᠯᠭᠤᠭᠰᠠᠨ ᠨᠡᠶᠢᠳᠡ ᠶᠢᠨ ᠭᠠᠵᠠᠷ ᠰᠢᠷᠣᠢ ᠶᠢᠨ ᠬᠡᠷᠡᠭᠯᠡᠭᠡᠨ ᠤ ᠦᠨᠡᠮᠯᠡᠯ ᠦᠷᠭᠦᠯᠵᠢᠯᠡᠨ ᠬᠦᠴᠦᠨ ᠲᠠᠢ ︵2014 ᠣᠨ ᠳᠤ ᠣᠯᠭᠤᠭᠰᠠᠨ ᠨᠡᠶᠢᠳᠡ ᠶᠢᠨ ᠭᠠᠵᠠᠷ ᠰᠢᠷᠣᠢ ᠶᠢᠨ ᠬᠡᠷᠡᠭᠯᠡᠭᠡᠨ ᠤ ᠦᠨᠡᠮᠯᠡᠯ︶᠂ ᠨᠢᠭᠡᠨᠳᠡ ᠬᠠᠣᠯᠢ ᠶᠣᠰᠣᠭᠠᠷ ᠡᠳ᠋ᠯᠡᠭᠰᠡᠨ ᠦᠯᠦ ᠭᠦᠳᠡᠯᠬᠦ ᠬᠦᠷᠦᠩᠭᠡ ᠶᠢᠨ ᠡᠷᠬᠡ ᠠᠰᠢᠭ ᠲᠠᠩᠰᠠᠯᠠᠯᠳᠠ ᠶᠢᠨ ᠪᠠᠶᠢᠭᠤᠯᠣᠮᠵᠢ ᠪᠣᠯᠣᠨ ᠲᠠᠷᠠᠭᠠᠯᠠᠯ ᠤᠨ ᠬᠤᠪᠢᠷᠠᠯᠳᠠ ᠳᠤ ᠨᠦᠯᠦᠭᠡᠯᠡᠭᠳᠡᠬᠦ ᠦᠭᠡᠢ᠃     ︵ᠲᠦᠷᠪᠡ︶ ᠭᠠᠵᠠᠷ ᠰᠢᠷᠣᠢ ᠶᠢᠨ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠬᠦᠮᠦᠷᠭᠡ ᠵᠢᠴᠢ ᠮᠡᠳᠡᠭᠡ ᠵᠠᠩᠬᠢ ᠶᠢᠨ ᠬᠠᠮᠢᠶᠠᠷᠣᠯᠳᠠ ᠶᠢᠨ ᠰᠢᠰᠲ᠋ᠧᠮ ᠢ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ  ᠶᠢ ᠪᠠᠶᠢᠴᠠᠭᠠᠨ ᠲᠠᠩᠰᠠᠯᠠᠵᠣ ᠦᠨᠡᠮᠯᠡᠯ ᠣᠯᠭᠤᠬᠤ ᠲᠤᠭ᠎ᠠ ᠪᠠᠷᠢᠮᠳᠠ ᠶᠢᠨ ᠬᠦᠮᠦᠷᠭᠡ ᠶᠢᠨ ᠰᠠᠭᠤᠷᠢᠨ ᠲᠡᠭᠡᠷ᠎ᠡ᠂ ︽ᠭᠠᠵᠠᠷ ᠰᠢᠷᠣᠢ ᠶᠢᠨ ᠲᠠᠩᠰᠠ ᠪᠠᠶᠢᠴᠠᠭᠠᠬᠤ ᠲᠦᠷᠢᠮ︾ ᠪᠣᠯᠣᠨ ︽ᠬᠤᠳᠠ ᠪᠠᠯᠭᠠᠰᠣᠨ ᠤ ᠭᠠᠵᠠᠷ ᠰᠢᠷᠣᠢ ᠶᠢᠨ ᠲᠠᠩᠰᠠ ᠶᠢᠨ ᠲᠤᠭ᠎ᠠ ᠪᠠᠷᠢᠮᠳᠠ ᠶᠢᠨ ᠬᠦᠮᠦᠷᠭᠡ ᠶᠢᠨ ᠪᠠᠷᠢᠮᠵᠢᠶ᠎ᠠ︾ ᠪᠠᠷ ᠦᠨᠳᠦᠰᠦᠯᠡᠯ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠲᠠᠩᠰᠠᠯᠠᠯᠳᠠ ᠶᠢᠨ ᠵᠠᠩᠬᠢᠴᠢᠯᠠᠭᠰᠠᠨ ᠪᠠᠶᠢᠭᠤᠯᠣᠯᠳᠠ ᠶᠢ ᠠᠬᠢᠭᠤᠯᠵᠣ᠂ ᠵᠢᠷᠤᠭ᠂ ᠬᠠᠷᠢᠶᠠᠯᠠᠯ᠂ ᠡᠯᠧᠺᠲᠷᠣᠨ ᠲᠠᠩᠰᠠ ᠡᠪᠬᠡᠮᠡᠯ ᠢ ᠴᠣᠭᠴᠠᠵᠢᠭᠤᠯᠣᠭᠰᠠᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠪᠣᠯᠣᠨ ᠣᠷᠣᠨ ᠰᠠᠭᠤᠴᠠ ᠶᠢᠨ ᠰᠠᠭᠤᠷᠢ ᠭᠠᠵᠠᠷ ᠬᠡᠷᠡᠭᠯᠡᠬᠦ ᠡᠷᠬᠡ᠂ ᠬᠡᠷ ᠪᠠᠶᠢᠰᠢᠩ ᠤᠨ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠬᠦᠮᠦᠷᠭᠡ ᠪᠣᠯᠣᠨ ᠬᠠᠮᠢᠶᠠᠷᠣᠯᠳᠠ ᠶᠢᠨ ᠰᠢᠰᠲ᠋ᠧᠮ ᠢ ᠪᠠᠶᠢᠭᠤᠯᠵᠣ᠂ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠦᠷ᠎ᠡ ᠪᠦᠳᠦᠭᠡᠯ ᠤᠨ ᠵᠠᠩᠬᠢᠴᠢᠯᠠᠭᠰᠠᠨ ᠬᠠᠮᠢᠶᠠᠷᠣᠯᠳᠠ ᠶᠢ ᠪᠡᠶᠡᠯᠡᠭᠦᠯᠦᠨ᠎ᠡ᠃ ᠣᠳᠣᠬᠢ ᠠᠵᠢᠯ ᠤᠨ ᠬᠡᠷᠡᠭᠴᠡᠭᠡ ᠶᠢ ᠬᠠᠩᠭᠠᠭᠰᠠᠨ ᠰᠠᠭᠤᠷᠢᠨ ᠲᠡᠭᠡᠷ᠎ᠡ᠂ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠬᠤ ᠲᠦᠷᠢᠮ ᠤᠨ ᠵᠠᠩᠬᠢᠴᠢᠯᠠᠭᠰᠠᠨ ᠪᠠᠶᠢᠭᠤᠯᠣᠯᠳᠠ ᠲᠠᠢ ᠨᠢᠭᠡᠳᠦᠯᠳᠡᠢ ᠲᠦᠯᠦᠪᠵᠢᠭᠦᠯᠦᠨ ᠠᠪᠴᠠᠯᠳᠣᠭᠤᠯᠵᠣ᠂ ᠲᠠᠩᠰᠠᠯᠠᠵᠣ ᠦᠨᠡᠮᠯᠡᠯ ᠣᠯᠭᠤᠬᠤ ᠦᠷ᠎ᠡ ᠪᠦᠳᠦᠭᠡᠯ ᠤᠨ ᠲᠣᠭᠠᠴᠠᠯᠠᠭᠰᠠᠨ ᠬᠠᠮᠢᠶᠠᠷᠣᠯᠳᠠ ᠪᠣᠯᠣᠨ ᠵᠠᠩᠬᠢᠴᠢᠯᠠᠭᠰᠠᠨ ᠬᠡᠷᠡᠭᠯᠡᠯᠳᠡ ᠶᠢ ᠪᠡᠶᠡᠯᠡᠭᠦᠯᠦᠨ᠎ᠡ᠃     ᠲᠦᠷᠪᠡ᠂ ᠠᠵᠢᠯ ᠤᠨ ᠲᠠᠷᠠᠭᠠᠯᠠᠯ     ︵ᠨᠢᠭᠡ︶ ᠲᠣᠷᠰᠢᠯᠳᠠ ᠶᠢᠨ ᠱᠠᠳᠦ ︵2017 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ︶᠃ ᠪᠣᠷᠣᠪᠠᠯᠭᠠᠰᠦ ᠪᠠᠯᠭᠠᠰᠦ ᠶᠢ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠲᠠᠩᠰᠠᠯᠠᠵᠣ ᠦᠨᠡᠮᠯᠡᠯ ᠣᠯᠭᠤᠬᠤ ᠲᠣᠷᠰᠢᠯᠳᠠ ᠶᠢᠨ ᠴᠡᠭ ᠢᠶᠠᠷ ᠰᠣᠩᠭᠤᠵᠣ᠂ ᠣᠯᠣᠰ ᠤᠨ ᠬᠤᠯᠪᠣᠭᠳᠠᠯ ᠪᠦᠬᠦᠢ ᠪᠠᠶᠢᠴᠠᠭᠠᠯᠳᠠ ᠶᠢᠨ ᠲᠦᠷᠢᠮ ᠪᠣᠯᠣᠨ ᠪᠠᠷᠢᠮᠵᠢᠶ᠎ᠠ ᠶᠣᠰᠣᠭᠠᠷ᠂ ᠡᠮᠦᠨ᠎ᠡ ᠬᠤᠭᠤᠴᠠᠭᠠᠨ ᠳᠤ ᠦᠷᠨᠢᠭᠦᠯᠦᠭᠰᠡᠨ ᠣᠷᠣᠨ ᠰᠠᠭᠤᠴᠠ ᠶᠢᠨ ᠰᠠᠭᠤᠷᠢ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠶᠢᠨ ᠭᠠᠵᠠᠷ ᠰᠢᠷᠣᠢ ᠶᠢᠨ ᠲᠠᠩᠰᠠ ᠪᠠᠶᠢᠴᠠᠭᠠᠯᠳᠠ ᠶᠢᠨ ᠰᠠᠭᠤᠷᠢ ᠲᠡᠭᠡᠷ᠎ᠡ᠂ ᠭᠡᠷ ᠪᠠᠶᠢᠰᠢᠩ ᠤᠨ ᠪᠠᠶᠢᠴᠠᠭᠠᠯᠳᠠ ᠶᠢᠨ ᠠᠵᠢᠯ ᠤᠨ ᠡᠭᠦᠷᠭᠡ ᠨᠡᠮᠡᠵᠣ᠂ ︽ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠦᠷ ᠬᠡᠷᠡᠭᠯᠡᠬᠦ ᠲᠦᠷᠢᠮ︾ ᠂ ︽ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠬᠠᠷᠢᠶᠠᠯᠠᠯ ᠤᠨ ᠪᠠᠶᠢᠴᠠᠭᠠᠯᠳᠠ ᠶᠢᠨ ᠮᠡᠷᠭᠡᠵᠢᠯ ᠤᠨ ᠲᠦᠰᠦᠯ︾  ᠤᠨ ᠱᠠᠭᠠᠷᠳᠠᠯᠭ᠎ᠠ ᠶᠢ ᠦᠨᠳᠦᠰᠦᠯᠡᠨ᠂ 2017 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠲᠣᠷᠰᠢᠯᠳᠠ  ᠶᠢᠨ ᠴᠡᠭ ᠤᠨ ᠬᠡᠪᠴᠢᠶᠡᠨ ᠳᠠᠬᠢ ᠲᠠᠩᠰᠠᠯᠠᠬᠤ ᠨᠦᠭᠦᠴᠡᠯ ᠳᠤ ᠨᠡᠶᠢᠴᠡᠭᠰᠡᠨ ᠮᠠᠯᠴᠢᠨ ᠲᠠᠷᠢᠶᠠᠴᠢᠳ ᠲᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠭᠰᠠᠨ ᠦᠯᠦ ᠬᠦᠳᠡᠯᠬᠦ ᠬᠦᠷᠦᠩᠭᠡ ᠶᠢᠨ ᠦᠨᠡᠮᠯᠡᠯ ᠣᠯᠭᠤᠨ᠎ᠠ᠃ ᠡᠬᠦᠨ ᠤ ᠬᠠᠮᠳᠦ ᠠᠵᠢᠯᠳᠠᠳ ᠤᠨ ᠪᠣᠯᠪᠠᠰᠣᠷᠠᠯ᠂ ᠣᠬᠠᠭᠤᠯᠭ᠎ᠠ ᠲᠠᠶᠢᠴᠢᠯᠠᠯᠳᠠ ᠵᠡᠷᠭᠡ ᠠᠵᠢᠯ ᠢ ᠰᠠᠶᠢᠳᠦᠷ ᠬᠢᠵᠣ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤ ᠲᠣᠷᠰᠢᠯᠭ᠎ᠠ ᠰᠦᠪᠭᠴᠢᠯᠡᠨ᠂ ᠪᠠᠳᠦ ᠰᠠᠭᠤᠷᠢ ᠲᠠᠯᠪᠢᠨ᠎ᠠ᠃     ︵ᠬᠤᠶᠠᠷ︶ ᠪᠦᠬᠦ ᠲᠠᠯ᠎ᠠ ᠪᠠᠷ ᠬᠡᠷᠡᠭᠵᠢᠭᠦᠯᠬᠦ ᠱᠠᠳᠦ ︵2018 ᠣᠨ ᠤ 1 ᠰᠠᠷ᠎ᠠ ᠶᠢᠨ ᠰᠡᠭᠦᠯᠴᠢ ᠠᠴᠠ 2018 ᠣᠨ ᠤ 12 ᠰᠠᠷ᠎ᠠ ᠶᠢᠨ ᠰᠡᠭᠦᠯᠴᠢ ᠪᠣᠯᠳᠠᠯ᠎ᠠ︶᠃ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠪᠠᠶᠢᠴᠠᠭᠠᠯᠳᠠ ᠶᠢᠨ ᠠᠵᠢᠯ ᠤᠨ ᠵᠠᠷᠯᠠᠯ ᠨᠡᠶᠢᠳᠡᠯᠡᠨ᠂ ᠬᠢᠯᠪᠠᠷ  ᠠᠴᠠ ᠬᠦᠴᠢᠷ ᠲᠡᠰᠢ ᠲᠡᠰ ᠲᠠᠷᠠᠭᠠᠯᠠᠯ ᠲᠠᠢ ᠡᠮᠬᠢ ᠴᠡᠭᠴᠡᠳᠡᠢ ᠶᠠᠪᠣᠭᠳᠠᠭᠤᠯᠵᠣ᠂ ᠪᠠᠶᠢᠴᠠᠭᠠᠯᠳᠠ᠂ ᠡᠷᠬᠡ ᠲᠣᠳᠣᠳᠬᠠᠯ ᠤᠨ ᠶᠠᠪᠣᠴᠠ ᠳᠤ ᠲᠣᠬᠢᠶᠠᠯᠳᠣᠭᠰᠠᠨ ᠠᠰᠠᠭᠤᠳᠠᠯ ᠪᠣᠯᠣᠨ ᠲᠦᠷᠦ ᠶᠢᠨ ᠪᠣᠳᠣᠯᠭ᠎ᠠ ᠶᠢᠨ ᠬᠡᠷᠡᠭᠴᠡᠭᠡ  ᠶᠢ ᠨᠠᠷᠢᠨ ᠬᠢᠨᠠᠮᠠᠭᠠᠢ ᠰᠣᠳᠣᠯᠣᠨ ᠴᠠᠭ ᠲᠣᠬᠠᠢ ᠳᠤ ᠨᠢ ᠲᠡᠭᠡᠳᠦ ᠱᠠᠳᠣᠨ ᠳᠤ ᠮᠡᠳᠡᠭᠦᠯᠦᠨ᠎ᠡ᠃ ᠦᠩᠭᠡᠷᠡᠭᠰᠡᠨ ᠳᠤ ᠰᠢᠢᠳᠪᠦᠷᠢᠯᠡᠵᠣ ᠲᠡᠶᠢᠯᠦᠭᠡᠳᠦᠢ ᠦᠯᠡᠳᠡᠭᠳᠡᠯ ᠠᠰᠠᠭᠤᠳᠠᠯ ᠢ ᠴᠢᠬᠤᠯᠠᠴᠢᠯᠠᠨ᠂ ᠪᠣᠳᠠᠳᠠᠢ ᠠᠴᠠ ᠡᠭᠦᠰᠴᠦ ᠦᠩᠭᠡᠷᠡᠭᠰᠡᠨ ᠢ ᠬᠦᠨᠳᠦᠳᠬᠡᠨ ᠪᠣᠳᠠᠳᠦ ᠠᠬᠤᠢ ᠶᠢ ᠴᠢᠬᠤᠯᠠ ᠪᠣᠯᠭᠠᠨ ᠡᠷᠬᠡ ᠠᠰᠢᠭ ᠢ ᠬᠠᠮᠠᠭᠠᠯᠠᠵᠣ᠂ ᠠᠵᠣ ᠠᠬᠤᠢ ᠨᠡᠶᠢᠭᠡᠮ ᠤᠨ ᠬᠦᠭᠵᠢᠯᠳᠡ ᠪᠣᠯᠣᠨ ᠲᠣᠭᠳᠠᠭᠤᠨ ᠪᠦᠯᠬᠦᠮᠳᠡᠯ ᠤᠨ ᠠᠰᠢᠭᠳᠠᠢ ᠵᠠᠷᠴᠢᠮ ᠢᠶᠠᠷ᠂ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠯᠠᠪᠳᠠᠭᠤᠨ ᠲᠣᠬᠢᠳᠠᠢ ᠬᠢᠨ᠎ᠠ᠃ ᠬᠤᠰᠢᠭᠤᠨ ᠤ ᠦᠯᠦ ᠬᠦᠳᠡᠯᠬᠦ ᠭᠦᠷᠦᠩᠭᠡ ᠲᠠᠩᠰᠠᠯᠠᠬᠤ ᠲᠦᠪ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ  ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠶᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠵᠣᠬᠢᠶᠠᠨ ᠪᠠᠶᠢᠭᠤᠯᠣᠨ ᠪᠦᠬᠦ ᠲᠠᠯ᠎ᠠ ᠪᠠᠷ ᠠᠬᠢᠭᠤᠯᠵᠣ᠂ 2018 ᠣᠨ ᠤ 12 ᠰᠠᠷ᠎ᠠ ᠶᠢᠨ ᠰᠡᠭᠦᠯᠴᠢ ᠳᠤ ᠲᠠᠭᠤᠰᠬᠠᠬᠤ ᠶᠢ ᠪᠠᠳᠣᠯᠠᠨ᠎ᠠ᠃     ︵ᠭᠤᠷᠪᠠ︶ ᠪᠠᠶᠢᠴᠠᠭᠠᠨ ᠰᠢᠯᠭᠠᠨ ᠬᠤᠷᠢᠶᠠᠬᠤ ᠱᠠᠳᠦ᠃ ᠪᠠᠶᠢᠴᠠᠭᠠᠨ ᠰᠢᠯᠭᠠᠨ ᠬᠤᠷᠢᠶᠠᠬᠤ ᠠᠵᠢᠯ ᠤᠨ ᠱᠠᠭᠠᠷᠳᠠᠯᠭ᠎ᠠ ᠪᠠᠷ᠂ ᠦᠪᠡᠷᠳᠡᠭᠡᠨ ᠪᠠᠶᠢᠴᠠᠭᠠᠨ ᠴᠡᠭᠴᠡᠯᠡᠬᠦ ᠠᠵᠢᠯ ᠢ ᠰᠠᠶᠢᠳᠦᠷ ᠬᠢᠵᠣ᠂ ᠲᠡᠭᠡᠳᠦ ᠱᠠᠳᠣᠨ ᠤ ᠪᠠᠶᠢᠴᠠᠭᠠᠯᠳᠠ ᠰᠢᠯᠭᠠᠨ ᠬᠤᠷᠢᠶᠠᠯᠳᠠ ᠶᠢ ᠠᠮᠵᠢᠯᠳᠠ ᠲᠠᠢ ᠲᠣᠭᠤᠯᠬᠤ ᠶᠢ ᠪᠠᠳᠣᠯᠠᠨ᠎ᠠ᠃     ᠲᠠᠪᠤ᠂ ᠪᠠᠳᠣᠯᠠᠭ᠎ᠠ ᠶᠢᠨ ᠠᠷᠭ᠎ᠠ ᠠᠪᠴᠠᠯ     ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ ᠪᠠᠷ ᠲᠣᠭᠤᠶᠢᠯᠠᠩ ᠤᠨ ᠲᠠᠷᠤᠭ᠎ᠠ ᠪᠣᠯᠭᠠᠨ᠂ ᠡᠯ᠎ᠡ ᠪᠠᠯᠭᠠᠰᠦᠨ ᠤ ᠠᠷᠠᠳ  ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠪᠠᠯᠭᠠᠰᠣᠨ ᠲᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ᠂ ᠣᠯᠣᠰ ᠤᠨ ᠭᠠᠵᠠᠷ ᠰᠢᠷᠣᠢ᠂ ᠣᠷᠣᠨ ᠰᠠᠭᠤᠴᠠ ᠪᠦᠳᠦᠭᠡᠨ ᠪᠠᠶᠢᠭᠤᠯᠣᠯᠳᠠ᠂ ᠭᠡᠷ ᠬᠦᠷᠦᠩᠭᠡ ᠶᠢᠨ ᠬᠠᠮᠢᠶᠠᠷᠣᠯᠳᠠ᠂ ᠡᠳ᠋ ᠤᠨ ᠵᠠᠰᠠᠭ᠂ ᠬᠢᠨᠠᠨ ᠪᠣᠳᠣᠯᠳᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢᠶᠠᠷ ᠭᠡᠰᠢᠭᠦᠨ ᠪᠣᠯᠭᠠᠭᠰᠠᠨ ᠠᠵᠢᠯ ᠤᠨ ᠣᠳᠣᠷᠢᠳᠬᠤ ᠲᠣᠭᠤᠶᠢᠯᠠᠩ ᠢ ᠪᠠᠶᠢᠭᠤᠯᠣᠨ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠵᠣᠬᠢᠶᠠᠨ ᠪᠠᠶᠢᠭᠤᠯᠬᠤ᠂ ᠲᠣᠬᠢᠷᠠᠭᠤᠯᠬᠤ᠂ ᠠᠬᠢᠭᠤᠯᠬᠤ  ᠶᠢ  ᠶᠡᠷᠦᠩᠬᠡᠶᠢᠯᠡᠨ ᠬᠠᠷᠢᠭᠤᠴᠠᠨ᠎ᠠ᠃ ᠬᠤᠯᠪᠣᠭᠠᠳᠦ ᠬᠤᠷᠠᠯ ᠤᠨ ᠲᠦᠷᠢᠮ ᠲᠣᠭᠳᠠᠭᠠᠨ᠂ ᠴᠠᠭ ᠲᠣᠬᠠᠢ ᠳᠤ ᠨᠢ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠲᠣᠮᠳᠠ ᠲᠣᠬᠢᠶᠠᠯᠳᠣᠭᠰᠠᠨ ᠬᠦᠴᠢᠷᠳᠡᠯ ᠪᠣᠯᠣᠨ ᠣᠷᠣᠰᠢᠵᠣ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠡᠯ᠎ᠡ ᠪᠠᠯᠭᠠᠰᠦ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠳᠡᠢ ᠪᠠᠶᠢᠷᠢᠯᠠᠭᠤᠯᠣᠯᠳᠠ ᠲᠣᠣᠷ᠎ᠠ᠂ ᠠᠵᠢᠯ ᠤᠨ ᠬᠤᠭᠤᠴᠠᠭ᠎ᠠ ᠪᠠᠨ ᠲᠣᠳᠣᠷᠬᠠᠶᠢᠯᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠦᠳᠦᠮᠵᠢ ᠲᠠᠢ ᠪᠡᠶᠡᠯᠡᠭᠦᠯᠵᠣ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠢ ᠡᠮᠬᠢ ᠲᠠᠷᠠᠭᠠᠯᠠᠯ ᠲᠠᠢ ᠯᠠᠪᠳᠠᠭᠤᠨ ᠶᠠᠪᠣᠭᠳᠠᠭᠤᠯᠵᠣ᠂ ᠪᠣᠳᠠᠳᠠᠢ ᠪᠦᠳᠦᠮᠵᠢ ᠣᠯᠬᠤ ᠶᠢ ᠪᠠᠳᠣᠯᠠᠨ᠎ᠠ᠃     ︵ᠬᠤᠶᠠᠷ︶ ᠬᠠᠮᠳᠣᠷᠠᠯᠴᠠᠭ᠎ᠠ ᠪᠠᠨ ᠴᠢᠩᠭᠠᠳᠬᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠳᠡᠢ ᠣᠷᠳᠣᠷᠢᠳᠣᠯᠭ᠎ᠠ ᠲᠣᠣᠷ᠎ᠠ᠂ ᠡᠯ᠎ᠡ ᠪᠠᠯᠭᠠᠰᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠣᠰ ᠲᠣᠰ ᠤᠨ ᠡᠭᠦᠷᠭᠡ ᠲᠣᠰᠢᠶᠠᠯ ᠢᠶᠠᠨ ᠭᠦᠢᠴᠡᠳᠬᠡᠨ᠂ ᠵᠣᠬᠢᠰᠳᠠᠢ ᠬᠠᠮᠳᠣᠷᠠᠯᠴᠠᠭ᠎ᠠ ᠪᠠᠨ ᠴᠢᠩᠭᠠᠳᠬᠠᠵᠣ᠂ ᠠᠵᠢᠯ ᠤᠨ ᠲᠣᠮᠳᠠ ᠲᠣᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠳᠤ ᠴᠠᠭ ᠲᠣᠬᠠᠢ ᠳᠤ ᠨᠢ ᠲᠣᠬᠢᠷᠠᠮᠵᠢᠳᠠᠢ ᠠᠷᠭ᠎ᠠ ᠠᠪᠴᠠᠯ ᠢᠶᠠᠷ ᠰᠢᠢᠳᠪᠦᠷᠢᠯᠡᠨ᠂ ᠲᠦᠯᠬᠢᠯᠴᠡᠨ ᠰᠢᠯᠳᠡᠭᠠᠯᠵᠣ ᠪᠣᠯᠬᠤ ᠦᠭᠡᠢ᠃ ᠬᠤᠰᠢᠭᠤᠨ  ᠤ ᠡᠳ᠋ ᠤᠨ ᠵᠠᠰᠠᠭ ᠵᠠᠷᠣᠳᠠᠯ ᠤᠨ ᠪᠠᠳᠣᠯᠠᠭ᠎ᠠ ᠶᠢᠨ ᠠᠵᠢᠯ ᠢ ᠨᠢᠭᠡᠳᠦᠯᠳᠡᠢ ᠲᠦᠯᠦᠪᠯᠡᠨ ᠲᠣᠬᠢᠷᠠᠭᠤᠯᠣᠨ᠎ᠠ︔ ᠬᠤᠰᠢᠭᠤᠨ ᠤ ᠬᠢᠨᠠᠨ ᠪᠣᠳᠣᠬᠤ ᠲᠣᠪᠴᠢᠶ᠎ᠡ ᠵᠠᠷᠣᠳᠠᠯ ᠤᠨ ᠬᠡᠷᠡᠭᠯᠡᠭᠡᠨ ᠤ ᠠᠮᠣᠷ ᠲᠦᠪᠰᠢᠨ ᠢ ᠪᠠᠳᠣᠯᠠᠨ᠎ᠠ᠃     ︵ᠭᠤᠷᠪᠠ︶ ᠠᠵᠢᠯ ᠤᠨ ᠵᠠᠷᠣᠳᠠᠯ ᠤᠨ ᠪᠠᠳᠣᠯᠠᠭ᠎ᠠ᠃ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠣᠷᠣᠨ ᠰᠠᠭᠤᠴᠠ ᠶᠢᠨ ᠰᠠᠭᠤᠷᠢ ᠭᠠᠵᠠᠷ ᠪᠣᠯᠣᠨ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠬᠡᠷᠡᠭᠯᠡᠬᠦ ᠡᠷᠬᠡ ᠶᠢ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠪᠣᠯ ᠦᠯᠦ ᠬᠦᠳᠡᠯᠬᠦ ᠬᠦᠷᠦᠩᠭᠡ ᠶᠢᠨ ᠨᠢᠭᠡᠳᠦᠯᠳᠡᠢ ᠲᠠᠩᠰᠠᠯᠠᠯᠳᠠ ᠶᠢᠨ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠦᠷᠳᠡᠭᠡᠨ ᠮᠦᠨ ᠴᠤ ᠨᠢᠭᠡ ᠲᠦᠷᠦᠯ ᠤᠨ ᠰᠢᠰᠲ᠋ᠧᠮᠳᠦ ᠢᠨᠵᠧᠨᠧᠷᠢᠩ ᠪᠣᠯᠣᠨ᠎ᠠ᠂ ᠬᠤᠯᠪᠣᠭᠳᠠᠬᠤ ᠰᠠᠯᠠᠭ᠎ᠠ ᠮᠦᠴᠢᠷ ᠣᠯᠠᠨ᠂ ᠴᠠᠭ ᠪᠠᠴᠢᠮ᠂ ᠠᠵᠢᠯ ᠤᠨ ᠡᠭᠦᠷᠭᠡ ᠬᠦᠨᠳᠦ ᠪᠣᠢ᠂ ᠪᠦᠬᠦ ᠬᠤᠰᠢᠭᠤᠨ ᠳᠤ ᠨᠡᠶᠢᠳᠡ 16500 ᠦᠨᠡᠮᠯᠡᠯ ᠣᠯᠭᠤᠬᠤ ᠡᠭᠦᠷᠬᠡ ᠲᠠᠢ᠂ ᠬᠤᠰᠢᠭᠤᠨ ᠤ ᠡᠳ᠋ ᠤᠨ ᠵᠠᠰᠠᠭ ᠠᠩᠬ᠎ᠠ ᠠᠯᠬᠤᠮ 207.05 ᠲᠦᠮᠡᠨ ᠲᠦᠭᠦᠷᠢᠭ ᠤᠨ ᠵᠠᠷᠣᠳᠠᠯ ᠲᠣᠬᠢᠷᠠᠭᠤᠯᠣᠨ᠂ ᠲᠣᠨᠤᠭ ᠲᠦᠬᠦᠭᠡᠷᠦᠮᠵᠢ ᠬᠤᠳᠠᠯᠳᠣᠨ ᠠᠪᠬᠤ᠂ ᠲᠤᠭ᠎ᠠ ᠪᠠᠷᠢᠮᠳᠠ ᠨᠡᠶᠢᠳᠬᠡᠭᠦ᠂ ᠪᠣᠯᠪᠠᠰᠣᠷᠠᠯ ᠡᠷᠬᠢᠯᠡᠬᠦ᠂ ᠠᠵᠢᠯ ᠤᠨ ᠨᠢᠭᠡᠴᠡ ᠣᠷᠢᠨ ᠡᠯᠰᠡᠬᠦ ᠵᠡᠷᠬᠡ ᠶᠢ ᠴᠠᠭ ᠲᠠᠷᠦᠢ ᠳᠤᠨᠢ ᠣᠷᠣᠨᠵᠢᠭᠤᠯᠬᠤ ᠶᠢ ᠪᠠᠳᠣᠯᠠᠨ᠎ᠠ᠃ ᠡᠭᠦᠨ ᠠᠴᠠ ᠬᠤᠶᠢᠰᠢ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ ᠬᠡᠷᠡᠭᠯᠡᠬᠦ ᠵᠠᠷᠣᠳᠠᠯ ᠢ ᠴᠠᠭ ᠲᠣᠬᠠᠢ ᠳᠤ ᠨᠢ ᠨᠠᠶᠢᠳᠠᠪᠦᠷᠢᠵᠢᠭᠤᠯᠵᠣ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠡᠷᠬᠡ ᠲᠣᠳᠣᠳᠬᠠᠨ ᠲᠠᠩᠰᠠᠯᠠᠵᠣ ᠦᠨᠡᠮᠯᠡᠯ ᠣᠯᠭᠤᠬᠤ ᠠᠵᠢᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠨ᠎ᠠ᠃     ︵ᠲᠦᠷᠪᠡ︶ ᠠᠵᠢᠯ ᠤᠨ ᠰᠠᠬᠢᠯᠭ᠎ᠠ ᠪᠠᠳᠦ ᠶᠢ ᠴᠢᠩᠭ᠎ᠠ ᠵᠢᠷᠣᠮᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠬᠤ ᠣᠷᠣᠨ ᠰᠠᠭᠤᠴᠠ ᠶᠢᠨ ᠰᠠᠭᠤᠷᠢ ᠭᠠᠵᠠᠷ᠂ ᠨᠡᠶᠢᠳᠡ ᠶᠢᠨ ᠪᠠᠶᠢᠭᠤᠯᠣᠯᠳᠠ ᠶᠢᠨ ᠬᠡᠷᠡᠭᠯᠡᠭᠡᠨ ᠤ ᠭᠠᠵᠠᠷ ᠤᠨ ᠡᠷᠬᠡ ᠶᠢᠨ ᠲᠣᠳᠣᠳᠬᠠᠯ ᠲᠠᠩᠰᠠᠯᠠᠵᠣ ᠮᠠᠯᠴᠢᠨ ᠲᠠᠷᠢᠶᠠᠴᠢᠳ ᠤᠨ ᠡᠷᠬᠡ ᠠᠰᠢᠭ ᠲᠠᠢ ᠬᠤᠯᠪᠣᠭᠳᠠᠬᠤ ᠲᠣᠯᠠ ᠡᠷᠬᠡᠪᠰᠢ ᠬᠤᠯᠪᠣᠭᠳᠠᠯ ᠪᠦᠬᠦᠢ ᠬᠠᠣᠯᠢ ᠴᠠᠭᠠᠵᠠ ᠬᠠᠣᠯᠢ ᠲᠦᠷᠢᠮ ᠪᠣᠯᠣᠨ ᠠᠵᠢᠯ ᠤᠨ ᠰᠠᠬᠢᠯᠭ᠎ᠠ ᠶᠢ ᠴᠢᠩᠭ᠎ᠠ ᠵᠢᠷᠦᠮᠯᠡᠵᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠨᠢᠭᠡᠳᠦᠭᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠣ᠂ ᠬᠤᠯᠪᠣᠭᠳᠠᠯ ᠪᠦᠬᠦᠢ ᠠᠵᠢᠯ ᠢᠶᠠᠨ ᠬᠠᠣᠯᠢ ᠲᠦᠷᠢᠮ ᠶᠣᠰᠣᠭᠠᠷ ᠪᠡᠶᠡᠯᠡᠭᠦᠯᠣᠨ᠂ ᠭᠡᠷ ᠪᠠᠶᠢᠰᠢᠩ ᠭᠠᠵᠠᠷ ᠰᠢᠷᠣᠢ ᠶᠢ ᠴᠣᠭᠴᠠᠵᠢᠭᠤᠯᠣᠨ ᠲᠠᠩᠰᠠᠯᠠᠬᠤ ᠠᠵᠢᠯ ᠤᠨ ᠪᠦᠬᠦᠯᠢ ᠴᠣᠭᠴᠠᠳᠦ ᠴᠢᠨᠠᠷ᠂ ᠦᠨᠡᠨ ᠪᠣᠳᠠᠳᠦ ᠴᠢᠨᠠᠷ᠂ ᠬᠠᠣᠯᠢ ᠶᠣᠰᠣᠳᠦ ᠴᠢᠨᠠᠷ ᠢ ᠪᠠᠳᠣᠯᠠᠨ᠂ ᠬᠤᠯᠪᠣᠭᠳᠠᠯ ᠪᠦᠬᠦᠢ ᠠᠵᠢᠯ ᠢ ᠱᠠᠭᠠᠷᠳᠠᠯᠭ᠎ᠠ ᠶᠣᠰᠣᠭᠠᠷ ᠦᠷᠨᠢᠭᠦᠯᠦᠨ᠎ᠡ᠃                                                                                                                                                                         ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ   2017 ᠤᠨ ᠤ 6 ᠰᠠᠷ᠎ᠠ ᠶᠢᠨ 1 ᠤ ᠡᠳᠤᠷ ᠲᠠᠷᠤᠮᠠᠯᠯᠠᠨ ᠲᠠᠷᠬᠠᠭᠠᠪᠠ                                                  
 
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号