︽ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠬᠦᠭᠵᠢᠯᠳᠠ ᠶᠢᠨ ᠠᠵᠢᠯ ᠢ | ᠲᠦᠷᠭᠡᠳᠬᠡᠬᠦ ᠬᠡᠷᠡᠭᠵᠢᠭᠦᠯᠬᠦ ᠲᠦᠰᠦᠯ︾ ᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠤᠨ | ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ | ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ ᠵᠢᠴᠢ | ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠳᠤ᠄ | 《 ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠬᠦᠭᠵᠢᠯᠳᠠ ᠶᠢᠨ ᠠᠵᠢᠯ ᠢ | ᠲᠦᠷᠭᠡᠳᠬᠡᠬᠦ ᠬᠡᠷᠡᠭᠵᠢᠭᠦᠯᠬᠦ ᠲᠦᠰᠦᠯ︾ ᠢ 2017 ᠣᠨ ᠤ ᠬᠤᠰᠢᠭᠤ ᠠᠷᠠᠳ ᠤᠨ ᠵᠠᠰᠠᠭ ᠤᠨ ᠣᠷᠳᠣᠨ ᠤ | ᠬᠤᠶᠠᠳᠣᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ ᠵᠦᠪᠰᠢᠶᠡᠷᠡᠵᠣ ᠲᠠᠷᠬᠠᠭᠠᠪᠠ᠂ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠳᠤᠭᠠᠢ᠃ | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2017 ᠣᠨ ᠤ 4 ᠰᠠᠷ᠎ᠠ ᠶᠢᠨ 18 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠬᠦᠭᠵᠢᠯᠳᠠ ᠶᠢᠨ ᠠᠵᠢᠯ ᠢ ᠲᠦᠷᠭᠡᠳᠬᠡᠬᠦ | ᠬᠡᠷᠡᠭᠵᠢᠭᠦᠯᠬᠦ ᠲᠦᠰᠦᠯ | ᠰᠦᠯᠵᠢᠶᠡᠨ ᠬᠤᠳᠠᠯᠳᠣᠭᠠᠨ ᠤ ᠬᠦᠭᠵᠢᠯᠳᠠ ᠶᠢ ᠲᠦᠷᠭᠡᠳᠬᠡᠵᠣ᠂᠂ᠪᠦᠬᠦ ᠬᠤᠰᠢᠭᠤᠨ ᠤ ᠰᠦᠯᠵᠢᠶᠡᠨ | ᠬᠤᠳᠠᠯᠳᠣᠭᠠᠨ ᠤ ᠬᠦᠭᠵᠢᠯᠳᠠ ᠶᠢᠨ ᠬᠤᠷᠳᠣᠴᠠ᠂ ᠬᠤᠪᠢ ᠶᠢᠨ ᠵᠢᠩ᠂ ᠬᠢᠷᠢ ᠲᠦᠪᠰᠢᠨ ᠤ ᠲᠡᠭᠡᠭᠰᠢᠯᠡᠯᠳᠡ ᠶᠢ | ᠪᠦᠬᠦ ᠲᠠᠯ᠎ᠠ ᠪᠠᠷ ᠠᠬᠢᠭᠤᠯᠣᠨ᠂ ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠠᠵᠣ | ᠣᠶᠢᠯᠠᠰ ᠤᠨ ᠬᠦᠷᠢᠶᠡᠯᠡᠩ᠂ ᠵᠠᠯᠠᠭᠤᠴᠣᠳ ︵ᠣᠶᠣᠳᠠᠳ︶ ᠤᠨ ᠣᠶᠢᠯᠠᠰ ᠪᠣᠰᠬᠠᠬᠤ ᠬᠦᠷᠢᠶᠡᠯᠡᠩ ᠤᠨ | ᠪᠠᠶᠢᠭᠤᠯᠣᠯᠳᠠ ᠶᠢ ᠲᠦᠷᠭᠡᠳᠬᠡᠵᠣ᠂ ᠲᠠᠶᠠᠭᠠᠷ ᠣᠯᠠᠨ ᠢᠶᠠᠷ ᠣᠶᠢᠯᠠᠰ ᠪᠣᠰᠬᠠᠨ᠂ ᠲᠦᠮᠡᠨ ᠣᠯᠠᠨ ᠢᠶᠠᠷ ᠰᠢᠨ᠎ᠡ ᠶᠢ | ᠡᠭᠦᠳᠬᠦ ᠪᠠ ᠢᠨᠲ᠋ᠧᠷ ᠰᠦᠯᠵᠢᠶ᠎ᠡ + ᠣᠷᠢᠶᠠᠯᠭ᠎ᠠ ᠶᠢ ᠲᠠᠭᠠᠵᠣ᠂ ᠣᠳᠤᠭ ᠤᠨ ᠡᠮᠦᠨᠡᠳᠦ ᠬᠤᠰᠢᠭᠤᠨ ᠤ | ᠰᠦᠯᠵᠢᠶᠡᠨ ᠬᠤᠳᠠᠯᠳᠣᠭᠠᠨ ᠤ ᠬᠦᠭᠵᠢᠯᠳᠠ ᠶᠢᠨ ᠠᠵᠣ ᠣᠶᠢᠯᠠᠰ ᠤᠨ ᠬᠡᠯᠬᠢᠶᠡᠵᠢᠯ ᠢ ᠪᠦᠬᠦ ᠬᠦᠴᠦᠨ ᠢᠶᠠᠷ ᠪᠣᠢ | ᠪᠣᠯᠭᠠᠨ᠂ ︽ᠬᠡᠷᠡᠭᠯᠡᠭᠡᠨ ᠤ ᠵᠣᠶᠢᠯ ᠢ ᠬᠦᠳᠡᠭᠡ ᠲᠣᠰᠬᠤᠨ ᠳᠤ ᠣᠷᠣᠭᠤᠯᠬᠤ︾᠂ ︽ᠮᠠᠯ ᠲᠠᠷᠢᠶᠠᠯᠠᠩ ᠤᠨ | ᠪᠦᠳᠦᠭᠡᠭᠳᠡᠭᠦᠨ ᠢ ᠬᠤᠳᠠ ᠣᠷᠣᠭᠤᠯᠬᠤ︾᠂ ᠰᠦᠯᠵᠢᠶᠡᠨ ᠬᠤᠳᠠᠯᠳᠤᠭ᠎ᠠ ᠪᠣᠯᠣᠨ ᠠᠵᠣ ᠣᠶᠢᠯᠠᠰ ᠢ | ᠬᠠᠮᠳᠣᠷᠠᠭᠤᠯᠣᠨ ᠬᠦᠭᠵᠢᠭᠦᠯᠬᠦ᠂ ᠬᠡᠯᠪᠡᠷᠢ ᠪᠠᠨ ᠬᠤᠪᠢᠷᠠᠭᠤᠯᠣᠨ ᠲᠡᠰ ᠲᠡᠪᠰᠢᠭᠦᠯᠬᠦ ᠠᠵᠢᠯ ᠤᠨ ᠬᠠᠷᠠᠯᠳᠠ ᠶᠢ | ᠪᠡᠶᠡᠯᠡᠭᠦᠯᠬᠦ ᠶᠢᠨ ᠲᠣᠰᠠᠳᠠ᠂ ᠮᠠᠨ ᠤ ᠬᠤᠰᠢᠭᠤᠨ ᠤ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ᠂ | ᠣᠨᠴᠠᠭᠠᠶᠢᠯᠠᠨ ᠲᠣᠰ ᠬᠡᠷᠡᠭᠵᠢᠭᠦᠯᠬᠦ ᠲᠦᠰᠦᠯ ᠢ ᠲᠣᠭᠳᠠᠭᠠᠪᠠ᠃ | ᠨᠢᠭᠡ᠂ ᠬᠦᠭᠵᠢᠯᠳᠠ ᠶᠢᠨ ᠣᠳᠣᠬᠢ ᠪᠠᠶᠢᠳᠠᠯ | ︽ᠢᠨᠲ᠋ᠧᠷ ᠰᠦᠯᠵᠢᠶ᠎ᠡ +︾ ᠪᠠ ᠣᠯᠠᠮᠵᠢᠯᠠᠯᠳᠦ ᠠᠵᠣ ᠣᠶᠢᠯᠠᠰ ᠤᠨ ᠬᠠᠮᠳᠦ ᠶᠢᠨ ᠬᠦᠭᠵᠢᠯᠳᠠ ᠶᠢᠨ | ᠲᠣᠭᠤᠷᠢᠨ ᠳᠤ᠂ ᠰᠦᠯᠵᠢᠶᠡᠨ ᠬᠤᠳᠠᠯᠳᠣᠭᠠᠨ ᠤ ᠲᠦᠷᠭᠡᠨ ᠬᠦᠭᠵᠢᠯᠳᠠ ᠶᠢᠨ ᠲᠦᠷᠦ ᠪᠣᠳᠣᠯᠭ᠎ᠠ ᠶᠢᠨ ᠲᠣᠬᠢᠶᠠᠯ | ᠪᠠ ᠠᠰᠢᠭᠳᠠᠢ ᠴᠠᠭ ᠬᠤᠭᠤᠴᠠᠭ᠎ᠠ ᠶᠢ ᠡᠵᠡᠮᠳᠡᠵᠣ᠂ ᠭᠤᠷᠪᠠᠳᠦᠭᠠᠷ ᠠᠵᠣ ᠣᠶᠢᠯᠠᠰ ᠤᠨ ᠬᠡᠯᠪᠡᠷᠢ ᠶᠢ ᠬᠤᠪᠢᠷᠭᠤᠯᠣᠨ | ᠲᠡᠰ ᠲᠡᠪᠰᠢᠭᠦᠯᠬᠦ ᠲᠠᠶᠢᠴᠢᠯᠠᠯᠳᠠ ᠪᠠᠷ ᠭᠤᠣᠯᠳᠠᠯᠭ᠎ᠠ ᠪᠣᠯᠭᠠᠨ᠂ ᠮᠠᠨ ᠤ ᠬᠤᠰᠢᠭᠤᠨ ᠤ ᠲᠠᠪᠠᠭᠤᠯᠢᠭ ᠠᠵᠣ ᠣᠶᠢᠯᠠᠰ | ᠲᠠᠢ ᠣᠶᠠᠯᠳᠣᠭᠤᠯᠵᠣ᠂ ᠰᠦᠯᠵᠢᠶᠡᠨ ᠬᠤᠳᠠᠯᠳᠣᠭᠠᠨ ᠤ ᠲᠦᠭᠦᠷᠴᠢᠯᠡᠭᠰᠡᠨ ᠰᠢᠰᠲ᠋ᠧᠮ ᠤᠨ ᠪᠠᠶᠢᠭᠤᠯᠣᠯᠳᠠ ᠶᠢ | ᠲᠡᠭᠦᠯᠳᠡᠷᠵᠢᠭᠦᠯᠦᠨ᠂ ᠦᠨᠳᠦᠰᠦᠳᠠᠨ ᠤ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠲᠣᠳᠣᠷ᠎ᠠ ᠰᠦᠯᠵᠢᠶᠡᠨ | ᠬᠤᠳᠠᠯᠳᠣᠭᠠᠨ ᠤ ᠠᠵᠣ ᠣᠶᠢᠯᠠᠰ ᠤᠨ ᠬᠦᠷᠢᠶᠡᠯᠡᠩ ᠲᠣᠭᠤᠷᠢᠭ ᠢ ᠲᠦᠯᠦᠪᠵᠢᠭᠦᠯᠦᠨ᠎ᠡ᠃ ᠣᠳᠣᠬᠠᠨ ᠳᠤ | ᠨᠠᠭᠠᠳᠣᠮ᠂ ᠵᠢᠸ᠎ᠠ ᠵᠡᠷᠭᠡ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠦᠨᠳᠦᠰᠣᠳᠠᠨ ᠤ ᠰᠣᠶᠣᠯ ᠤᠨ ᠠᠵᠣ | ᠣᠶᠢᠯᠠᠰ ᠤᠨ ᠬᠦᠷᠢᠶᠡᠯᠡᠩ ᠳᠤ ᠵᠢᠩᠬᠢᠨᠢ ᠪᠠᠷ ᠡᠵᠡᠩᠨᠡᠯᠳᠡ ᠡᠬᠢᠯᠡᠵᠣ᠂ ᠪᠠᠰᠠ ᠣᠯᠠᠨ ᠰᠦᠯᠵᠢᠶᠡᠨ ᠬᠤᠳᠠᠯᠳᠣᠭᠠᠨ ᠤ | ᠠᠵᠣ ᠠᠬᠤᠶᠢᠯᠠᠯ ᠵᠢᠴᠢ ᠬᠤᠯᠪᠣᠭᠳᠠᠯ ᠪᠦᠬᠦᠢ ᠠᠵᠣ ᠠᠬᠤᠶᠢᠯᠠᠯ ᠵᠠᠯᠭᠠᠪᠠᠷ ᠬᠦᠷᠢᠶᠡᠯᠡᠩ ᠲᠣᠭᠤᠷᠢᠭ ᠲᠤ ᠣᠷᠣᠵᠣ | ᠪᠣᠢ᠃ | ᠣᠳᠣᠬᠠᠨ ᠪᠣᠯᠳᠠᠯᠡ᠂ ᠪᠦᠬᠦ ᠬᠤᠰᠢᠭᠤᠨ ᠤ ᠰᠦᠯᠵᠢᠶᠡᠨ ᠬᠤᠳᠠᠯᠳᠤᠭ᠎ᠠ᠂ ᠲᠦᠷᠭᠡᠨ ᠬᠦᠷᠭᠡᠯᠳᠡ ᠶᠢᠨ ᠠᠵᠣ | ᠠᠬᠤᠶᠢᠯᠠᠯ 26 ᠪᠣᠯᠵᠣ᠂ ᠨᠠᠭᠠᠳᠣᠮ᠂ ᠵᠢᠸ᠎ᠠ᠂ E ᠨᠡᠭᠦᠳᠡᠯ ᠮᠠᠯᠵᠢᠯ ᠵᠡᠷᠭᠡ 3 ᠬᠤᠳᠠᠯᠳᠣᠭᠠᠨ ᠤ ᠡᠷᠦᠭᠡ | ᠦᠪᠡᠷᠳᠡᠭᠡᠨ ᠰᠦᠯᠵᠢᠶᠡᠨ ᠬᠤᠳᠠᠯᠳᠣᠭᠠᠨ ᠤ ᠲᠡᠪᠴᠠᠩ ᠪᠠᠶᠢᠭᠤᠯᠣᠨ᠂ ᠰᠦᠯᠵᠢᠶᠡᠨ ᠬᠤᠳᠠᠯᠳᠣᠭᠠᠨ ᠤ ᠠᠷᠠᠯᠵᠢᠶ᠎ᠠ | ᠵᠠᠭᠤᠨ ᠲᠦᠮᠡᠨ ᠲᠦᠭᠦᠷᠢᠭ ᠢ ᠲᠠᠪᠠᠵᠣ᠂ ᠪᠦᠬᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠬᠦᠭᠵᠢᠯᠳᠠ ᠳᠤ | ᠪᠠᠳᠦ ᠪᠠᠬᠢ ᠰᠠᠭᠤᠷᠢ ᠶᠢ ᠲᠠᠯᠪᠢᠪᠠ᠃ ᠡᠬᠦᠨ ᠳᠤ᠂ ᠬᠡᠪᠴᠢᠶᠡᠵᠢᠯ ᠢᠶᠠᠷ ᠬᠠᠮᠤᠭ ᠶᠡᠭᠡ ᠰᠦᠯᠵᠢᠶᠡᠨ ᠬᠤᠳᠠᠯᠳᠣᠭᠠᠨ | ᠤ ᠭᠤᠣᠯᠯᠠᠭᠴᠢ ᠠᠵᠣ ᠠᠬᠤᠶᠢᠯᠠᠯ ᠨᠠᠭᠠᠳᠣᠮ ᠰᠦᠯᠵᠢᠶᠡᠨ ᠬᠤᠳᠠᠯᠳᠤᠭ᠎ᠠ ᠨᠢ A1 ᠲᠣᠭᠤᠷᠢᠭ ᠲᠤ 2400 | ᠺᠦᠸᠠᠳ᠋ ᠮᠧᠲᠷ ᠤᠨ ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ ᠲᠦᠪ | ᠪᠠᠶᠢᠭᠤᠯᠵᠣ᠂ ᠣᠶᠢᠯᠡᠴᠢᠯᠡᠭᠡᠨ ᠤ ᠲᠦᠪ ᠳᠤ ᠪᠠᠨ ᠰᠦᠯᠵᠢᠶᠡᠨ ᠬᠤᠳᠠᠯᠳᠣᠭᠠᠨ ᠤ ᠠᠵᠢᠯᠯᠠᠮᠵᠢ ᠡᠵᠡᠩᠨᠡᠯᠳᠡ ᠶᠢᠨ | ᠲᠦᠪ᠂ ᠵᠠᠬ᠎ᠠ ᠲᠡᠯᠭᠡᠭᠦᠷ ᠤᠨ ᠠᠵᠢᠯᠯᠠᠮᠵᠢ ᠡᠵᠡᠩᠨᠡᠯᠳᠡ ᠶᠢᠨ ᠲᠦᠪ᠂ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ | ᠤᠨ ᠪᠡᠶᠡᠴᠢᠯᠡᠨ ᠣᠶᠢᠯᠭᠠᠬᠤ ᠲᠡᠯᠭᠡᠭᠦᠷ᠂ ᠣᠶᠢᠯᠠᠰ ᠪᠦᠳᠦᠭᠡᠯᠳᠡ ᠶᠢᠨ ᠣᠶᠢᠯᠡᠴᠢᠯᠡᠭᠡᠨ ᠤ ᠭᠠᠵᠠᠷ᠂ ᠰᠢᠨᠡᠴᠢᠯᠡᠯ | ᠪᠦᠳᠦᠭᠡᠯᠳᠡ ᠶᠢᠨ ᠣᠶᠢᠯᠡᠳᠭᠡᠯ᠂ ᠺᠣᠹᠧ ᠶᠢᠨ ᠮᠣᠬᠤᠯᠠᠭ᠂ ᠣᠶᠣᠨᠴᠢ ᠵᠢᠭᠤᠯᠴᠢᠯᠠᠯ ᠤᠨ ᠬᠦᠭᠵᠢᠯᠳᠠ ᠶᠢᠨ ᠲᠦᠪ᠂ | ᠰᠦᠯᠵᠢᠶᠡᠨ ᠬᠤᠳᠠᠯᠳᠣᠭᠠᠨ ᠤ ᠪᠣᠯᠪᠠᠰᠣᠷᠠᠯ ᠤᠨ ᠲᠦᠪ᠂ ᠬᠦᠮᠦᠷᠭᠡᠯᠡᠬᠦ ᠭᠦᠢᠯᠭᠡᠭᠡᠯᠡᠬᠦ ᠬᠦᠷᠭᠡᠬᠦ ᠲᠦᠪ ᠵᠡᠷᠭᠡ | ᠴᠢᠳᠡᠪᠬᠢᠳᠦ ᠲᠣᠭᠤᠷᠢᠭ ᠪᠠᠶᠢᠭᠤᠯᠵᠣ᠂ ︽ᠣᠶᠣᠨᠴᠢ ᠨᠠᠮ ᠤᠨ ᠪᠠᠶᠢᠭᠤᠯᠣᠯᠳᠠ︾ ᠶᠢᠨ ᠲᠠᠶᠢᠴᠢᠯᠠᠯ ᠲᠣᠣᠷ᠎ᠠ᠂ 6 | ᠰᠦᠯᠵᠢᠶᠡᠨ ᠬᠤᠳᠠᠯᠳᠣᠭᠠᠨ ᠤ ᠭᠠᠴᠠᠭ᠎ᠠ ᠲᠣᠰᠬᠤᠨ ᠪᠣᠯᠣᠨ 2 ᠨᠡᠶᠢᠭᠡᠮ ᠲᠣᠭᠤᠷᠢᠭ᠂ 1 ᠪᠠᠯᠭᠠᠰᠣᠨ ᠤ | ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ ᠦᠷᠳᠡᠭᠡ ᠶᠢ ᠪᠠᠶᠢᠭᠤᠯᠪᠠ᠃ | ᠬᠤᠶᠠᠷ᠂ ᠪᠠᠶᠢᠭᠤᠯᠣᠯᠳᠠ ᠶᠢᠨ ᠬᠠᠷᠠᠯᠳᠠ | ᠰᠦᠯᠵᠢᠶᠡᠨ ᠬᠤᠳᠠᠯᠳᠣᠭᠠᠨ ᠤ ᠬᠦᠭᠵᠢᠯᠳᠠ ᠶᠢ ᠭᠠᠳᠠᠭᠰᠢ ᠪᠣᠷᠣᠯᠠᠭᠤᠯᠬᠤ ᠶᠢ ᠦᠡᠭᠡᠳᠬᠡᠬᠦ᠂ ᠠᠵᠣ ᠣᠶᠢᠯᠠᠰ | ᠤᠨ ᠬᠡᠯᠪᠡᠷᠢ ᠪᠠᠨ ᠬᠤᠪᠢᠷᠠᠭᠤᠯᠣᠨ ᠲᠡᠰ ᠲᠡᠪᠰᠢᠭᠦᠯᠬᠦ ᠭᠤᠣᠯᠳᠠᠯᠭᠠᠳᠦ ᠠᠵᠢᠯ ᠪᠣᠯᠭᠠᠨ ᠠᠳᠬᠤᠵᠣ᠂ 3 ᠵᠢᠯ ᠤᠨ | ᠬᠤᠭᠤᠴᠠᠭ᠎ᠠ ᠬᠡᠷᠡᠭᠰᠡᠨ᠂ ᠠᠵᠣ ᠣᠶᠢᠯᠠᠰ ᠤᠨ ᠲᠦᠷᠦ ᠶᠢᠨ ᠪᠣᠳᠣᠯᠭ᠎ᠠ ᠪᠦᠷᠢᠨ ᠲᠣᠳᠣ᠂ ᠬᠠᠮᠢᠶᠠᠷᠣᠯᠳᠠ ᠶᠢᠨ | ᠲᠣᠭᠳᠠᠴᠠ ᠵᠣᠬᠢᠴᠠᠩᠭᠤᠢ ᠦᠨᠳᠦᠷ ᠪᠦᠳᠦᠮᠵᠢ ᠲᠠᠢ᠂ ᠲᠦᠬᠦᠷᠵᠢᠭᠦᠯᠦᠯᠳᠡ ᠶᠢᠨ ᠲᠣᠭᠳᠠᠯᠴᠠᠭ᠎ᠠ ᠲᠡᠭᠦᠯᠳᠡᠷᠵᠢᠭᠰᠡᠨ᠂ | ᠨᠡᠶᠢᠳᠡ ᠶᠢᠨ ᠣᠶᠢᠯᠡᠴᠢᠯᠡᠭᠡᠨ ᠤ ᠲᠠᠪᠴᠠᠩ ᠪᠦᠷᠢᠨᠰᠢᠭᠰᠡᠨ ᠰᠦᠯᠵᠢᠶᠡᠨ ᠬᠤᠳᠠᠯᠳᠣᠭᠠᠨ ᠤ ᠵᠠᠬ᠎ᠠ ᠲᠡᠯᠭᠡᠭᠦᠷ ᠤᠨ | ᠰᠢᠰᠲ᠋ᠧᠮ ᠢ ᠠᠩᠬ᠎ᠠ ᠠᠯᠬᠤᠮ ᠪᠠᠶᠢᠭᠤᠯᠵᠣ᠂ 12 ᠰᠦᠯᠵᠢᠶᠡᠨ ᠬᠤᠳᠠᠯᠳᠣᠭᠠᠨ ᠤ ᠭᠠᠴᠠᠭ᠎ᠠ ᠲᠣᠰᠬᠤᠨ ︵ | ᠭᠤᠷᠪᠠᠨ ᠪᠣᠯᠠᠭ ᠲᠣᠰᠬᠤᠨ᠂ ᠲᠠᠪᠤᠨᠲᠣᠯᠣᠭᠠᠢ ᠭᠠᠴᠠᠭ᠎ᠠ᠂ ᠴᠠᠭᠠᠨᠪᠠᠯᠭᠠᠰᠦ ᠭᠠᠴᠠᠭ᠎ᠠ᠂ ᠪᠠᠶᠠᠬᠤᠰᠦ ᠭᠠᠴᠠᠭ᠎ᠠ᠂ | ᠬᠠᠷᠭᠠᠨᠠᠳᠦ ᠭᠠᠴᠠᠭ᠎ᠠ᠂ ᠪᠠᠶᠠᠨᠴᠠᠶᠢᠳᠠᠮ ᠭᠠᠴᠠᠭ᠎ᠠ᠂ ᠠᠷᠠᠯᠠᠢ ᠭᠠᠴᠠᠭ᠎ᠠ᠂ ᠶᠡᠭᠡ ᠲᠣᠬᠤᠢ ᠲᠣᠰᠬᠤᠨ᠂ ᠰᠢᠷ᠎ᠠ | ᠵᠠᠳᠠᠭᠠᠢ ᠲᠣᠰᠬᠤᠨ᠂ ᠬᠡᠵᠣᠣᠷ ᠲᠣᠰᠬᠤᠨ᠂ ᠪᠠ ᠢ ᠲᠣᠰᠬᠤᠨ᠂ ᠲᠦᠪᠡᠳ ᠭᠠᠴᠠᠭ᠎ᠠ︶᠂ 6 ᠰᠦᠯᠵᠢᠶᠡᠨ | ᠬᠤᠳᠠᠯᠳᠣᠭᠠᠨ ᠤ ᠨᠡᠶᠢᠭᠡᠮ ᠲᠣᠭᠤᠷᠢᠭ ︵ᠲᠠᠬᠢᠯᠳᠦ ᠨᠡᠶᠢᠭᠡᠮ ᠲᠣᠭᠤᠷᠢᠭ᠂ ᠮᠠᠯᠠᠳ ᠨᠡᠶᠢᠭᠡᠮ ᠲᠣᠭᠤᠷᠢᠭ᠂ ᠵᠣᠤᠬ᠎ᠠ | ᠨᠡᠶᠢᠭᠡᠮ ᠲᠣᠭᠤᠷᠢᠭ᠂ ᠱᠠᠩᠬᠠᠢ ᠶᠢᠨ ᠰᠦᠮ᠎ᠡ ᠨᠡᠶᠢᠭᠡᠮ ᠲᠣᠭᠤᠷᠢᠭ᠂ ᠴᠠᠩ ᠴᠧᠩ ᠨᠡᠶᠢᠭᠡᠮ ᠲᠣᠭᠤᠷᠢᠭ᠂ ᠪᠣᠯᠠᠭ | ᠨᠡᠶᠢᠭᠡᠮ ᠲᠣᠭᠤᠷᠢᠭ︶᠂ 4 ᠰᠦᠯᠵᠢᠶᠡᠨ ᠬᠤᠳᠠᠯᠳᠣᠭᠠᠨ ᠤ ᠪᠠᠯᠭᠠᠰᠦ ︵ᠨᠠᠩᠰᠦ ᠪᠠᠯᠭᠠᠰᠦ᠂ ᠪᠣᠷᠣᠪᠠᠯᠭᠠᠰᠦ | ᠪᠠᠯᠭᠠᠰᠦ᠂ ᠣᠯᠵᠠᠴᠢ ᠪᠠᠯᠭᠠᠰᠦ᠂ ᠱᠠᠩᠬᠠᠢ ᠶᠢᠨ ᠰᠦᠮ᠎ᠡ ᠪᠠᠯᠭᠠᠰᠦ︶ ᠶᠢ ᠴᠣᠭᠴᠠᠯᠠᠨ᠎ᠠ᠃ ᠡᠬᠦᠨ ᠤ ᠬᠠᠮᠳᠦ᠂ | ᠪᠦᠬᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠪᠣᠷᠣᠯᠠᠭᠤᠯᠭ᠎ᠠ ᠶᠢᠨ ᠵᠢᠯ ᠤᠨ ᠣᠷᠣᠯᠭ᠎ᠠ | ᠶᠢ 4.5 ᠳ᠋ᠦᠩᠰᠢᠭᠤᠷ ᠲᠦᠬᠦᠷᠢᠭ ᠠᠴᠠ ᠲᠠᠪᠠᠭᠤᠯᠵᠤ᠂ ᠰᠦᠯᠵᠢᠶᠡᠨ ᠬᠤᠳᠠᠯᠳᠤᠭ᠎ᠠ᠂ ᠵᠦᠭᠡᠯᠡᠨ ᠲᠣᠨᠤᠭ ᠢ | ᠨᠡᠭᠡᠭᠡᠨ ᠠᠰᠢᠭᠯᠠᠬᠤ᠂ ᠪᠣᠳᠠᠰ ᠤᠨ ᠭᠦᠢᠯᠭᠡᠭᠡᠨ ᠤ ᠲᠦᠷᠭᠡᠨ ᠬᠦᠷᠭᠡᠯᠳᠡ ᠵᠡᠷᠭᠡ 10 ᠭᠠᠷᠣᠢ ᠭᠤᠣᠯᠯᠠᠭᠴᠢ ᠠᠵᠣ | ᠠᠬᠤᠶᠢᠯᠠᠯ ᠢ ᠣᠷᠢᠨ᠂ ᠰᠦᠯᠵᠢᠶ᠎ᠡ ᠪᠠᠷ ᠪᠠᠷᠠᠭ᠎ᠠ ᠠᠪᠴᠦ ᠮᠦᠩᠭᠦ ᠲᠦᠯᠦᠬᠦ ᠲᠠᠪᠴᠠᠩ ᠢ 5 ᠠᠴᠠ ᠲᠡᠭᠡᠭᠰᠢ | ᠪᠠᠶᠢᠭᠤᠯᠣᠨ᠂ ᠭᠤᠣᠯ ᠡᠵᠡᠩᠨᠡᠯᠳᠡ ᠶᠢᠨ ᠵᠢᠯ ᠤᠨ ᠣᠷᠣᠯᠭ᠎ᠠ ᠮᠢᠩᠭᠠᠨ ᠲᠦᠮᠡᠨ ᠲᠦᠬᠦᠷᠢᠭ ᠲᠠᠪᠠᠭᠰᠠᠨ ᠰᠦᠯᠵᠢᠶᠡᠨ | ᠬᠤᠳᠠᠯᠳᠣᠭᠠᠨ ᠤ ᠠᠵᠣ ᠠᠬᠤᠶᠢᠯᠠᠯ ᠢ 10 ᠭᠠᠷᠣᠢ ᠳᠤ ᠬᠦᠷᠭᠡᠵᠣ᠂ ᠮᠠᠨ ᠤ ᠬᠤᠰᠢᠭᠤᠨ ᠤ 6000 ᠭᠠᠷᠣᠢ | ᠬᠦᠮᠦᠨ ᠢ ᠲᠣᠰᠬᠠᠢ ᠪᠣᠯᠪᠠᠰᠣᠷᠠᠯ ᠳᠤ ᠣᠷᠣᠯᠴᠠᠭᠤᠯᠣᠨ᠂ 3000 ᠭᠠᠷᠣᠢ ᠬᠦᠮᠦᠨ ᠳᠤ ᠠᠵᠢᠯ ᠣᠯᠭᠤᠨ᠎ᠠ᠃ | ᠭᠤᠷᠪᠠ᠂ ᠪᠠᠶᠢᠭᠤᠯᠣᠯᠳᠠ ᠶᠢᠨ ᠭᠤᠣᠯᠳᠠᠯᠭ᠎ᠠ ᠵᠢᠴᠢ ᠬᠠᠷᠭᠠᠯᠵᠠᠯ ᠤᠨ ᠲᠦᠷᠦ ᠶᠢᠨ ᠪᠣᠳᠣᠯᠭ᠎ᠠ | ︵ᠨᠢᠭᠡ︶ ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠬᠦᠷᠢᠶᠡᠯᠡᠩ ᠢ ᠲᠦᠯᠦᠪᠵᠢᠭᠦᠯᠦᠨ | ᠪᠠᠶᠢᠭᠤᠯᠣᠨ᠎ᠠ᠃ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠤᠨ ᠭᠡᠷ ᠪᠠᠶᠢᠰᠢᠩ᠂ ᠬᠦᠮᠦᠷᠭᠡ ᠵᠡᠷᠭᠡ | ᠬᠠᠳᠠᠭᠠᠯᠠᠮᠵᠢ ᠶᠢᠨ ᠭᠡᠷ ᠪᠠᠶᠢᠰᠢᠩ᠂ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠨ᠂ ᠰᠦᠯᠵᠢᠶᠡᠨ | ᠬᠤᠳᠠᠯᠳᠣᠭᠠᠨ ᠤ ᠠᠵᠣ ᠣᠶᠢᠯᠠᠰ ᠤᠨ ᠬᠦᠷᠢᠶᠡᠯᠡᠩ ᠪᠣᠯᠭᠠᠨ ᠦᠭᠡᠷᠡᠴᠢᠯᠡᠨ ᠪᠠᠶᠢᠭᠤᠯᠵᠣ᠂ ᠰᠦᠯᠵᠢᠶᠡᠨ | ᠬᠤᠳᠠᠯᠳᠣᠭᠠᠨ ᠤ ᠭᠦᠭᠵᠢᠯᠳᠡ ᠶᠢᠨ ᠲᠠᠪᠴᠠᠩ ᠪᠣᠯᠣᠨ ᠣᠶᠢᠯᠡᠴᠢᠯᠡᠭᠡᠨ ᠤ ᠪᠣᠶᠢᠵᠢᠯᠳᠠ ᠶᠢᠨ ᠠᠰᠠᠭᠤᠳᠠᠯ ᠢ | ᠰᠢᠢᠳᠪᠦᠷᠢᠯᠡᠨ᠎ᠡ᠃ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠤᠨ A1᠂ A2 ᠲᠣᠭᠤᠷᠢᠭ ᠢᠶᠠᠷ | ᠭᠤᠣᠯᠳᠠᠯᠭ᠎ᠠ ᠪᠣᠯᠭᠠᠵᠣ᠂ ᠨᠠᠭᠠᠳᠣᠮ ᠰᠦᠯᠵᠢᠶᠡᠨ ᠬᠤᠳᠠᠯᠳᠤᠭ᠎ᠠ ᠪᠠᠷ ᠭᠤᠣᠯ ᠪᠣᠯᠭᠠᠭᠰᠠᠨ ᠮᠠᠯᠵᠢᠬᠤ ᠲᠠᠷᠢᠶᠠᠯᠠᠬᠤ | ᠣᠷᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ ᠲᠦᠪ ᠪᠣᠯᠣᠨ ᠬᠦᠮᠦᠷᠭᠡᠯᠡᠬᠦ ᠭᠦᠢᠯᠭᠡᠭᠡᠯᠡᠬᠦ ᠲᠦᠪ ᠤᠨ | ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠨ᠂ ᠪᠣᠰᠣᠳ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ | ᠵᠢᠴᠢ ᠲᠦᠬᠦᠷᠵᠢᠭᠦᠯᠦᠭᠰᠡᠨ ᠠᠵᠣ ᠠᠬᠤᠶᠢᠯᠠᠯ ᠢ ᠣᠷᠢᠨ ᠬᠦᠷᠢᠶᠡᠯᠡᠩ ᠲᠣᠭᠤᠷᠢᠭ ᠲᠤ ᠣᠷᠣᠭᠤᠯᠣᠨ᠎ᠠ᠃ A3᠂ | A4 ᠲᠣᠭᠤᠷᠢᠭ ᠢ ᠬᠤᠶᠠᠳᠦᠭᠠᠷ ᠬᠤᠭᠤᠴᠠᠭᠠᠨ ᠳᠤ ᠬᠡᠷᠡᠭᠯᠡᠬᠦ ᠪᠡᠯᠡᠳᠬᠡᠯ ᠭᠠᠵᠠᠷ ᠪᠣᠯᠭᠠᠨ᠂ ᠪᠦᠬᠦ ᠬᠤᠰᠢᠭᠤᠨ ᠤ | ᠪᠣᠳᠠᠰ ᠤᠨ ᠭᠦᠢᠯᠭᠡᠭᠡᠨ ᠤ ᠲᠦᠷᠭᠡᠨ ᠬᠦᠷᠭᠡᠯᠳᠡ ᠬᠦᠮᠦᠷᠭᠡᠯᠡᠯᠳᠡ ᠲᠣᠬᠢᠷᠠᠭᠤᠯᠣᠯᠳᠠ ᠶᠢᠨ ᠬᠦᠷᠢᠶᠡᠯᠡᠩ ᠲᠣᠭᠤᠷᠢᠭ | ᠪᠣᠯᠭᠠᠨ ᠲᠦᠯᠦᠪᠵᠢᠭᠦᠯᠵᠣ᠂ ᠣᠯᠣᠰ ᠤᠨ ᠲᠣᠳᠣᠭᠠᠳᠦ ᠶᠢᠨ ᠪᠣᠳᠠᠰ ᠤᠨ ᠭᠦᠢᠯᠡᠭᠡᠭᠡᠨ ᠤ ᠨᠡᠷᠡᠳᠦ ᠠᠵᠣ ᠠᠬᠤᠶᠢᠯᠠᠯ | ᠱᠦᠨ ᠹᠧᠩ᠂ ᠳ᠋ᠧ ᠪᠠᠩ᠂ ᠱᠧᠨ ᠲᠦᠩ᠂ ᠶᠤᠸᠠᠨ ᠲᠥᠩ᠂ ᠵᠦᠩ ᠲᠥᠩ᠂ ᠬᠤᠢ ᠲᠥᠩ᠂ ᠶᠦᠨ ᠳ᠋ᠠ᠂ | ᠰᠢᠳᠳᠠᠨ ᠵᠡᠷᠭᠡ ᠬᠤᠰᠢᠭᠤᠨ ᠲᠣᠳᠣᠷ᠎ᠠ ᠲᠠᠩᠰᠠᠯᠠᠭᠤᠯᠣᠨ ᠭᠠᠶᠢᠯᠢ ᠲᠣᠰᠢᠶᠠᠭᠰᠠᠨ ᠪᠣᠳᠠᠰ ᠤᠨ ᠭᠦᠢᠯᠭᠡᠭᠡᠨ ᠤ ᠠᠵᠣ | ᠠᠬᠤᠶᠢᠯᠠᠯ ᠢ ᠲᠦᠯᠦᠪᠵᠢᠭᠦᠯᠭᠡ ᠳᠤ ᠣᠷᠣᠭᠤᠯᠣᠨ᠂ ᠬᠤᠳᠠᠯᠳᠣᠨ ᠠᠪᠬᠤ᠂ ᠬᠦᠮᠦᠷᠭᠡᠯᠡᠬᠦ᠂ ᠪᠣᠳᠠᠰ ᠤᠨ ᠭᠦᠢᠯᠭᠡᠭᠡ | ᠂ ᠪᠠᠭᠴᠠᠯᠠᠬᠤ᠂ ᠲᠦᠰᠦᠪᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠣᠭᠰᠠᠨ ᠰᠦᠯᠵᠢᠶᠡᠨ ᠬᠤᠳᠠᠯᠳᠣᠭᠠᠨ ᠤ | ᠠᠵᠣ ᠣᠶᠢᠯᠠᠰ ᠤᠨ ᠬᠡᠯᠬᠢᠶ᠎ᠡ ᠶᠢ ᠪᠦᠷᠢᠯᠳᠦᠭᠦᠯᠦᠨ᠎ᠡ᠃ ᠰᠦᠯᠵᠢᠶᠡᠨ ᠬᠤᠳᠠᠯᠳᠤᠭ᠎ᠠ᠂ ᠪᠣᠳᠠᠰ ᠤᠨ ᠭᠦᠢᠯᠭᠡᠭᠡᠨ ᠤ | ᠲᠦᠷᠭᠡᠨ ᠬᠦᠷᠭᠡᠯᠳᠡ ᠶᠢᠨ ᠠᠵᠣ ᠠᠬᠤᠶᠢᠯᠠᠯ ᠲᠦᠯᠦᠪᠵᠢᠭᠦᠯᠭᠡ ᠶᠣᠰᠣᠭᠠᠷ ᠬᠦᠷᠢᠶᠡᠯᠡᠩ ᠲᠣᠭᠤᠷᠢᠭ ᠲᠤ | ᠲᠦᠪᠯᠡᠷᠡᠩᠭᠦᠢ ᠰᠠᠭᠤᠷᠢᠰᠢᠪᠠᠯ᠂ ᠭᠡᠷ ᠤᠨ ᠲᠦᠷᠢᠶᠡᠰᠦ᠂ ᠲᠣᠯᠠᠭᠠᠯᠠᠭ᠎ᠠ᠂ ᠠᠳᠠᠯ ᠠᠬᠤᠢ ᠵᠡᠷᠭᠡ ᠵᠠᠷᠣᠳᠠᠯ ᠤᠨ | ᠨᠦᠬᠦᠪᠦᠷᠢ ᠳᠤ ︽ᠣᠳᠤᠭ ᠤᠨ ᠡᠮᠦᠨᠡᠳᠦ ᠬᠤᠰᠢᠭᠤᠨ ᠤ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠤᠨ | ᠠᠵᠢᠯᠯᠠᠮᠵᠢ ᠡᠵᠡᠩᠨᠡᠯᠳᠠ ᠶᠢᠨ ᠬᠠᠮᠢᠶᠠᠷᠣᠯᠳᠠ ᠶᠢᠨ ᠠᠷᠭ᠎ᠠ ᠶᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠤᠨ | ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠳᠤᠭ ᠡᠮᠦᠨᠡᠳᠦ | ᠵᠠᠰᠠᠭ ᠠᠯᠪᠠᠨ ᠲᠠᠷᠬᠠᠭᠠᠬᠤ ﹇2016﹈ 100 ᠲᠣᠭᠠᠳᠦ︶ ᠪᠢᠴᠢᠭ ᠮᠠᠲ᠋ᠧᠷᠢᠶᠠᠯ ᠤᠨ ᠬᠠᠷᠭᠠᠯᠵᠠᠯ ᠤᠨ ᠲᠦᠷᠦ | ᠶᠢᠨ ᠪᠣᠳᠣᠯᠭ᠎ᠠ ᠶᠢ ᠨᠢᠭᠡᠳᠦᠯᠳᠡᠢ ᠬᠦᠷᠳᠡᠭᠡᠵᠣ᠂ ᠡᠮᠦᠨ᠎ᠡ ᠭᠤᠷᠪᠠᠨ ᠵᠢᠯ ᠤᠨ ᠰᠦᠯᠵᠢᠶᠠᠨ ᠲᠦᠷᠢᠶᠡᠰᠦ ᠶᠢ ᠵᠠᠰᠠᠭ | ᠤᠨ ᠣᠷᠳᠣᠨ ᠠᠴᠠ ᠪᠦᠬᠦ ᠲᠤᠭ᠎ᠠ ᠪᠠᠷ ᠨᠦᠬᠦᠪᠦᠷᠢᠯᠡᠨ᠎ᠡ᠃ | ︵ᠬᠤᠶᠠᠷ︶ ᠣᠷᠣᠨ ᠨᠣᠳᠤᠭ ᠤᠨ ᠰᠦᠯᠵᠢᠶᠡᠨ ᠬᠤᠳᠠᠯᠳᠣᠭᠠᠨ ᠤ ᠭᠤᠣᠯᠯᠠᠭᠴᠢ ᠠᠵᠣ ᠠᠬᠤᠶᠢᠯᠠᠯ ᠢ | ᠲᠡᠮᠵᠢᠨ᠎ᠡ᠃ ᠲᠦᠷᠦ ᠶᠢᠨ ᠪᠣᠳᠣᠯᠭ᠎ᠠ ᠪᠠᠷ ᠲᠡᠮᠵᠢᠬᠦ᠂ ᠡᠬᠢ ᠪᠠᠶᠠᠯᠢᠭ ᠢ ᠬᠠᠮᠳᠦ ᠪᠠᠷ ᠡᠳ᠋ᠯᠡᠬᠦ᠂ ᠬᠤᠯᠪᠣᠭᠠᠯᠠᠬᠤ᠂ | ᠣᠶᠢᠯᠡᠴᠢᠯᠡᠬᠦ ᠵᠡᠷᠭᠡ ᠣᠯᠠᠨ ᠵᠣᠶᠢᠯ ᠤᠨ ᠠᠷᠭ᠎ᠠ ᠠᠪᠴᠠᠯ ᠢᠶᠠᠷ ᠲᠠᠮᠵᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ | ᠰᠦᠯᠵᠢᠶᠡᠨ ᠬᠤᠳᠠᠯᠳᠣᠭᠠᠨ ᠤ ᠨᠡᠶᠢᠭᠡᠮᠯᠢᠭ᠂ ᠣᠶᠣᠳᠠᠳ ᠤᠨ ᠠᠳᠠᠯ ᠪᠣᠰᠬᠠᠬᠤ ᠨᠡᠶᠢᠭᠡᠮᠯᠢᠭ ᠵᠡᠷᠭᠡ ᠠᠵᠢᠯ ᠲᠦᠷᠦᠯ | ᠤᠨ ᠬᠢᠨ ᠤ ᠨᠡᠶᠢᠭᠡᠮᠯᠢᠭ ᠢ ᠲᠦᠰᠢᠭᠯᠡᠨ᠂ ᠨᠠᠭᠠᠳᠣᠮ᠂ ᠵᠢᠸ᠎ᠠ᠂ E ᠨᠡᠭᠦᠳᠡᠯ ᠮᠠᠯᠵᠢᠯ ᠵᠡᠷᠭᠡ ᠬᠦᠭᠵᠢᠯᠳᠡ ᠶᠢᠨ | ᠲᠠᠯᠳᠠ ᠬᠦᠴᠦᠨ ᠪᠣᠯᠣᠨ ᠵᠠᠬ᠎ᠠ ᠲᠡᠯᠭᠡᠭᠦᠷ ᠤᠨ ᠢᠷᠡᠭᠡᠳᠦᠢ ᠲᠠᠢ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ | ᠢ ᠬᠡᠪᠴᠢᠶᠡᠵᠢᠭᠦᠯᠦᠨ ᠬᠦᠭᠵᠢᠭᠦᠯᠵᠣ᠂ ᠣᠷᠣᠨ ᠨᠣᠳᠤᠭ ᠤᠨ ᠣᠨᠴᠠᠯᠢᠭᠳᠦ ᠠᠵᠣ ᠠᠬᠤᠶᠢᠯᠠᠯ ᠤᠨ ᠬᠠᠮᠳᠦ ᠶᠢᠨ | ᠬᠦᠭᠵᠢᠯᠳᠡ ᠶᠢ ᠲᠠᠶᠢᠴᠢᠯᠠᠨ᠎ᠠ︔ ᠨᠠᠭᠠᠳᠣᠮ ᠰᠦᠯᠵᠢᠶᠡᠨ ᠬᠤᠳᠠᠯᠳᠤᠭ᠎ᠠ ᠵᠡᠷᠭᠡ ᠣᠷᠣᠨ ᠨᠣᠳᠤᠭ ᠤᠨ ᠰᠦᠯᠵᠢᠶᠡᠨ | ᠬᠤᠳᠠᠯᠳᠣᠭᠠᠨ ᠤ ᠠᠵᠣ ᠠᠬᠤᠶᠢᠯᠠᠯ ᠤᠨ ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠬᠤᠳᠠᠯᠳᠣᠭᠠᠨ ᠤ | ᠣᠶᠢᠯᠡᠴᠢᠯᠡᠭᠡᠨ ᠤ ᠲᠦᠪ ᠲᠤ 020 ᠪᠡᠶᠡᠴᠢᠯᠡᠨ ᠣᠶᠢᠯᠭᠠᠬᠤ ᠲᠡᠯᠭᠡᠭᠦᠷ ᠪᠠᠶᠢᠭᠤᠯᠬᠤ ᠶᠢ ᠲᠡᠮᠵᠢᠵᠣ᠂ ᠭᠠᠳᠠᠭᠰᠢ | ᠣᠬᠠᠭᠤᠯᠬᠤ ᠬᠦᠴᠦᠨ ᠢᠶᠠᠨ ᠴᠢᠩᠭᠠᠳᠬᠠᠨ᠂ ᠭᠠᠳᠠᠭᠰᠢ ᠪᠣᠷᠣᠯᠠᠭᠤᠯᠬᠤ ᠵᠠᠮ ᠮᠦᠷ ᠢᠶᠠᠨ ᠦᠷᠭᠡᠳᠬᠡᠨ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠪᠣᠷᠣᠯᠠᠭᠤᠯᠣᠯᠳᠠ ᠶᠢᠨ ᠣᠬᠢ ᠰᠠᠶᠢᠨ ᠡᠷᠬᠢᠯᠳᠡ ᠶᠢ ᠪᠦᠷᠢᠯᠳᠦᠭᠦᠯᠦᠨ᠎ᠡ᠃ ᠵᠢᠯ | ᠤᠨ ᠪᠣᠷᠣᠯᠠᠭᠤᠯᠣᠯᠳᠠ 500 ᠲᠦᠮᠡᠨ ᠲᠦᠭᠦᠷᠢᠭ᠂ 1000 ᠲᠦᠮᠡᠨ ᠲᠦᠭᠦᠷᠢᠭ ᠲᠤ ᠬᠦᠷᠦᠭᠰᠡᠨ ᠰᠦᠯᠵᠢᠶᠡᠨ | ᠬᠤᠳᠠᠯᠳᠣᠭᠠᠨ ᠤ ᠠᠵᠣ ᠠᠬᠤᠶᠢᠯᠠᠯ ᠢ ᠨᠢᠭᠡᠯᠡ ᠣᠳᠠᠭ᠎ᠠ ᠪᠠᠷ 10 ᠲᠦᠮᠡᠨ ᠲᠦᠭᠦᠷᠢᠭ᠂ 20 ᠲᠦᠮᠡᠨ ᠲᠦᠭᠦᠷᠢᠭ | ᠢᠶᠠᠷ ᠬᠦᠬᠢᠭᠦᠯᠦᠨ ᠱᠠᠩᠨᠠᠨ᠎ᠠ᠃ | ︵ᠭᠤᠷᠪᠠ︶ ᠰᠦᠯᠵᠢᠶᠡᠨ ᠬᠤᠳᠠᠯᠳᠣᠭᠠᠨ ᠤ ᠨᠡᠷᠡᠳᠦ ᠠᠵᠣ ᠠᠬᠤᠶᠢᠯᠠᠯ ᠣᠷᠢᠨ ᠠᠪᠴᠢᠷᠠᠬᠤ ᠬᠦᠴᠣᠨ ᠢᠶᠠᠨ | ᠴᠢᠩᠭᠠᠳᠬᠠᠨ᠎ᠠ᠃ ᠰᠦᠯᠵᠢᠶᠡᠨ ᠬᠤᠳᠠᠯᠳᠣᠭᠠᠨ ᠤ ᠨᠡᠷᠡᠳᠦ ᠠᠵᠣ ᠠᠬᠤᠶᠢᠯᠠᠯ ᠯᠤᠭ᠎ᠠ ᠰᠠᠨᠠᠭᠠᠴᠢᠯᠠᠭ᠎ᠠ ᠲᠠᠢ ᠪᠠᠷ | ᠬᠠᠷᠢᠯᠴᠠᠵᠣ᠂ ᠨᠢᠭᠡ ᠪᠦᠯᠦᠭ ᠰᠦᠯᠵᠢᠶᠡᠨ ᠬᠤᠳᠠᠯᠳᠣᠭᠠᠨ ᠤ ᠰᠢᠯᠢᠳᠡᠭ ᠠᠵᠣ ᠠᠬᠤᠶᠢᠯᠠᠯ ᠪᠣᠯᠣᠨ ᠴᠢᠬᠤᠯᠠ | ᠲᠦᠷᠦᠯ ᠵᠣᠶᠢᠯ ᠢ ᠣᠷᠢᠨ ᠣᠷᠣᠭᠤᠯᠣᠨ᠎ᠠ᠃ ᠣᠳᠤᠭ ᠤᠨ ᠡᠮᠦᠨᠡᠳᠦ ᠬᠤᠰᠢᠭᠤ ᠦᠪᠦᠷ ᠮᠣᠩᠭᠤᠯ ᠱᠠᠨᠰᠢ ᠨᠢᠩᠰᠢᠶᠠ | ᠭᠤᠷᠪᠠᠨ ᠮᠣᠵᠢ ᠣᠷᠣᠨ ᠤ ᠠᠭᠤᠯᠵᠠᠭᠤᠷ ᠭᠠᠵᠠᠷ ᠣᠷᠣᠨ ᠳᠤ ᠪᠠᠶᠢᠷᠢᠰᠢᠵᠣ ᠪᠠᠶᠢᠭ᠎ᠠ ᠲᠠᠪᠠᠭᠤᠯᠢᠭ ᠲᠤ ᠪᠠᠨ | ᠰᠠᠭᠤᠷᠢᠯᠠᠵᠣ᠂ ᠣᠳᠤᠭ ᠤᠨ ᠡᠮᠦᠨᠡᠳᠦ ᠬᠤᠰᠢᠭᠤᠨ ᠤ ᠢᠨᠲ᠋ᠧᠷ ᠰᠦᠯᠵᠢᠶ᠎ᠡ + ᠢᠷᠭᠠᠢ ᠶᠢᠨ ᠣᠷᠣᠨ ᠬᠡᠪᠴᠢᠶᠡᠨ | ᠤ ᠠᠵᠣ ᠠᠬᠤᠢ ᠶᠢᠨ ᠪᠦᠰᠡ ᠶᠢᠨ ᠬᠠᠮᠳᠣᠷᠠᠯ ᠬᠦᠭᠵᠢᠯᠳᠠ ᠶᠢᠨ ᠲᠣᠬᠢᠶᠠᠯ ᠢ ᠡᠵᠡᠮᠳᠡᠵᠣ᠂ ᠮᠠᠨ ᠤ ᠬᠤᠰᠢᠭᠤᠨ ᠤ | ᠣᠳᠣ ᠪᠠᠶᠢᠭ᠎ᠠ ᠡᠬᠢ ᠪᠠᠶᠠᠯᠢᠭ ᠲᠤ ᠪᠠᠨ ᠲᠦᠰᠢᠭᠯᠡᠨ᠂ ᠬᠤᠳᠠᠯᠳᠣᠭᠠᠴᠢᠨ ᠣᠷᠢᠬᠤ ᠣᠯᠠᠮᠵᠢᠯᠠᠯᠳᠦ ᠠᠷᠭ᠎ᠠ ᠶᠢ | ᠰᠢᠨᠡᠴᠢᠯᠡᠵᠣ᠂ ᠪᠦᠬᠦ ᠣᠯᠣᠰ ᠪᠣᠶᠣ ᠣᠷᠣᠨ ᠬᠡᠪᠴᠢᠶᠡᠨ ᠳᠤ ᠨᠦᠯᠦᠭᠡ ᠲᠠᠢ ᠶᠡᠭᠡ ᠲᠣᠮᠳᠠ ᠰᠦᠯᠵᠢᠶᠡᠨ | ᠬᠤᠳᠠᠯᠳᠣᠭᠠᠨ ᠤ ᠲᠠᠪᠴᠠᠩ ᠤᠨ ᠬᠡᠯᠪᠡᠷᠢ᠂ ᠲᠣᠯᠭᠠᠭᠤᠷᠯᠠᠬᠤ ᠬᠡᠯᠪᠡᠷᠢ ᠪᠣᠯᠣᠨ ᠬᠡᠷᠡᠭᠯᠡᠭᠡᠨ ᠤ ᠬᠡᠯᠪᠡᠷᠢ ᠪᠦᠬᠦᠢ | ᠠᠵᠣ ᠠᠬᠤᠶᠢᠯᠠᠯ ᠢ ᠠᠵᠣ ᠣᠶᠢᠯᠠᠰ ᠤᠨ ᠬᠦᠷᠢᠶᠡᠯᠡᠩ ᠳᠤ ᠣᠷᠢᠨ ᠣᠷᠣᠭᠤᠯᠵᠣ᠂ ᠣᠷᠣᠨ ᠨᠣᠳᠤᠭ ᠤᠨ | ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠲᠠᠢ ᠬᠠᠮᠳᠦ ᠪᠠᠷ ᠪᠦᠬᠦ ᠬᠤᠰᠢᠭᠤᠨ ᠤ ᠰᠦᠯᠵᠢᠶᠡᠨ | ᠬᠤᠳᠠᠯᠳᠣᠭᠠᠨ ᠤ ᠠᠵᠣ ᠣᠶᠢᠯᠠᠰ ᠤᠨ ᠬᠦᠭᠵᠢᠯᠳᠠ ᠶᠢ ᠠᠬᠢᠭᠤᠯᠣᠨ᠎ᠠ᠃ ᠣᠷᠢᠨ ᠠᠪᠴᠢᠷᠠᠭᠰᠠᠨ ᠰᠦᠯᠵᠢᠶᠡᠨ | ᠬᠤᠳᠠᠯᠳᠣᠭᠠᠨ ᠤ ᠠᠵᠣ ᠠᠬᠤᠶᠢᠯᠠᠯ ᠤᠨ ᠬᠤᠯᠪᠣᠭᠳᠠᠯ ᠪᠦᠬᠦᠢ ᠵᠠᠷᠣᠳᠠᠯ ᠢ ᠵᠠᠰᠠᠭ ᠤᠨ ᠣᠷᠳᠣᠨ ᠠᠴᠠ ᠨᠡᠶᠢᠭᠡᠮ | ᠤᠨ ᠣᠶᠢᠯᠡᠴᠢᠯᠡᠭᠡ ᠬᠤᠳᠠᠯᠳᠣᠨ ᠠᠪᠬᠤ ᠬᠡᠯᠪᠡᠷᠢ ᠪᠠᠷ ᠰᠢᠢᠳᠪᠦᠷᠢᠯᠡᠨ᠎ᠡ᠃ ᠡᠬᠦᠨ ᠤ ᠬᠠᠮᠳᠦ᠂ ᠵᠠᠰᠠᠭ ᠤᠨ | ᠣᠷᠳᠣᠨ ᠠᠵᠣ ᠠᠬᠤᠶᠢᠯᠠᠯ ᠬᠤᠶᠠᠷ ᠲᠠᠯ᠎ᠠ ᠶᠢᠨ ᠬᠠᠮᠳᠣᠷᠠᠨ ᠠᠵᠢᠯᠯᠠᠬᠤ ᠡᠷᠡᠮᠡᠯᠵᠡᠯ ᠢ ᠦᠨᠳᠦᠰᠦᠯᠡᠨ᠂ ᠣᠷᠢᠨ | ᠠᠪᠴᠢᠷᠠᠭᠰᠠᠨ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠤᠳ ᠲᠠᠢ ᠠᠰ ᠠᠰᠳᠠᠭᠠᠨ ᠲᠡᠮᠵᠢᠯᠭᠡ ᠶᠢᠨ | ᠲᠦᠷᠦ ᠶᠢᠨ ᠪᠣᠳᠣᠯᠭ᠎ᠠ ᠲᠣᠭᠳᠠᠭᠠᠨ᠎ᠠ᠃ | ︵ᠲᠦᠷᠪᠡ︶ ᠣᠷᠣᠨ ᠬᠡᠪᠨᠴᠢᠶᠡᠨ ᠤ ᠰᠦᠯᠵᠢᠶᠡᠨ ᠬᠤᠳᠠᠯᠳᠣᠭᠠᠨ ᠤ ᠬᠠᠮᠳᠦ ᠶᠢᠨ ᠬᠦᠭᠵᠢᠯᠳᠡ ᠶᠢ | ᠠᠬᠢᠭᠤᠯᠣᠨ᠎ᠠ᠃ ᠮᠠᠨ ᠤ ᠬᠤᠰᠢᠭᠤ ᠨᠢᠩᠰᠢᠶᠠ᠂ ᠱᠠᠨᠰᠢ ᠲᠠᠢ ᠬᠦᠷᠰᠢᠯᠡᠵᠣ ᠪᠠᠶᠢᠭ᠎ᠠ ᠭᠠᠵᠠᠷ ᠣᠷᠣᠨ ᠤ ᠲᠠᠪᠠᠭᠤ | ᠪᠠᠶᠢᠷᠢ ᠳᠤ ᠲᠦᠰᠢᠭᠯᠡᠨ᠂ ᠨᠢᠩᠰᠢᠶᠠ ᠶᠢᠨ ᠾᠧ ᠯᠠᠨ ᠵᠡᠷᠭᠡ ᠬᠦᠷᠰᠢ ᠭᠠᠵᠠᠷ ᠣᠷᠣᠨ ᠤ ᠰᠦᠯᠵᠢᠶᠡᠨ | ᠬᠤᠳᠠᠯᠳᠣᠭᠠᠨ ᠤ ᠬᠦᠭᠵᠢᠯᠳᠡ ᠶᠢᠨ ᠠᠰᠢᠭᠳᠠᠢ ᠨᠦᠬᠦᠴᠡᠯ ᠢ ᠠᠰᠢᠭᠯᠠᠨ᠂ ᠵᠠᠰᠠᠭ ᠤᠨ ᠣᠷᠳᠣᠨ ᠤ | ᠬᠤᠭᠤᠷᠣᠨᠳᠦᠬᠢ᠂ ᠠᠵᠣ ᠠᠬᠤᠶᠢᠯᠠᠯ ᠤᠨ ᠬᠤᠭᠤᠷᠣᠨᠳᠣᠬᠢ ᠵᠢᠴᠢ ᠵᠠᠰᠠᠭ ᠤᠨ ᠣᠷᠳᠣᠨ ᠠᠵᠣ ᠠᠬᠤᠶᠢᠯᠠᠯ ᠤᠨ | ᠬᠤᠭᠤᠷᠣᠨᠳᠣᠬᠢ ᠰᠦᠯᠵᠢᠶᠡᠨ ᠬᠤᠳᠠᠯᠳᠣᠭᠠᠨ ᠤ ᠣᠷᠣᠨ ᠬᠡᠪᠴᠢᠶᠡᠨ ᠤ ᠬᠠᠮᠳᠣᠷᠠᠯ ᠬᠦᠭᠵᠢᠯᠳᠡ ᠶᠢ ᠠᠬᠢᠭᠤᠯᠣᠨ᠂ | ᠮᠠᠨ ᠤ ᠬᠤᠰᠢᠭᠤᠨ ᠤ ᠠᠵᠣ ᠠᠬᠤᠶᠢᠯᠠᠯ ᠤᠳ ᠨᠢᠩᠰᠢᠶᠠ ᠶᠢᠨ ᠰᠦᠯᠵᠢᠶᠡᠨ ᠬᠤᠳᠠᠯᠳᠣᠭᠠᠨ ᠤ ᠲᠦᠷᠬᠡᠨ | ᠬᠦᠭᠵᠢᠯᠳᠡ ᠶᠢᠨ ᠲᠣᠬᠢᠶᠠᠯ ᠢ ᠡᠵᠡᠮᠳᠡᠵᠣ᠂ ᠾᠧ ᠯᠠᠨ ᠵᠡᠷᠭᠡ ᠭᠠᠵᠠᠷ ᠤᠨ ᠰᠦᠯᠵᠢᠶᠡᠨ ᠬᠤᠳᠠᠯᠳᠣᠭᠠᠨ ᠤ ᠬᠦᠷᠭᠡᠨ | ᠲᠠᠮᠵᠢᠭᠤᠯᠬᠤ ᠬᠡᠯᠬᠢᠶᠡᠵᠢᠯ᠂ ᠪᠣᠳᠠᠰ ᠤᠨ ᠭᠦᠢᠯᠭᠡᠭᠡ᠂ ᠲᠠᠪᠴᠠᠩ ᠵᠡᠷᠭᠡ ᠲᠠᠪᠠᠭᠤᠯᠢᠭ ᠢ ᠠᠰᠢᠭᠯᠠᠨ᠂ ᠮᠠᠨ ᠤ | ᠬᠤᠰᠢᠭᠤᠨ ᠤ ᠡᠯᠪᠡᠭ ᠪᠠᠶᠠᠯᠢᠭ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠦᠳᠦᠭᠡᠭᠳᠡᠭᠦᠨ ᠢᠶᠠᠨ ᠬᠤᠰᠢᠭᠤ | ᠨᠣᠳᠤᠭ ᠠᠴᠠ ᠪᠠᠨ ᠪᠦᠬᠦ ᠣᠯᠣᠰ ᠪᠦᠬᠦ ᠪᠦᠮᠪᠦᠷᠴᠡᠭ ᠤᠨ ᠬᠡᠪᠴᠢᠶᠠᠨ ᠳᠤ ᠪᠣᠷᠣᠯᠠᠭᠤᠯᠬᠤ ᠪᠠᠷ ᠴᠢᠷᠮᠠᠶᠢᠨ᠎ᠠ᠃ | ︵ᠲᠠᠪᠤ︶ ᠮᠠᠯ ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠤ ᠪᠣᠷᠣᠯᠠᠭᠤᠯᠣᠯᠳᠠ ᠶᠢᠨ ᠵᠠᠮ ᠢ | ᠦᠷᠭᠡᠳᠬᠡᠨ᠎ᠡ᠃ ᠮᠠᠯ ᠲᠠᠷᠢᠶᠠᠯᠠᠩ ᠤᠨ ᠣᠶᠢᠯᠠᠰ ᠤᠨ ᠦᠵᠦᠭᠦᠷᠰᠢᠯ ᠨᠦᠬᠦᠪᠦᠷᠢ ᠶᠢᠨ ᠲᠣᠭᠳᠠᠴᠠ ᠶᠢ | ᠰᠦᠪᠡᠭᠴᠢᠯᠡᠨ᠂ ᠨᠡᠷᠡᠳᠦ ᠲᠣᠯᠣᠭᠠᠶᠢᠯᠠᠭᠴᠢ ᠠᠵᠣ ᠠᠬᠤᠶᠢᠯᠠᠯ ᠤᠳ ᠤᠨ ᠣᠯᠣᠰ ᠤᠨ ᠨᠢᠭᠡ᠂ ᠬᠤᠶᠠᠳᠦᠭᠠᠷ ᠲᠡᠰ | ᠤᠨ ᠬᠤᠳᠠ᠂ ᠬᠦᠷᠰᠢ ᠨᠢᠰᠬᠡᠯ ᠤᠨ ᠪᠠᠭᠤᠳᠠᠯ ᠵᠡᠷᠭᠡ ᠭᠠᠵᠠᠷ ᠢᠶᠠᠷ ᠣᠳᠤᠭ ᠤᠨ ᠡᠮᠦᠨᠡᠳᠦ ᠬᠤᠰᠢᠭᠤᠨ ᠤ ᠮᠠᠯ | ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠤ ᠬᠡᠯᠬᠢᠶ᠎ᠡ ᠲᠡᠯᠭᠡᠭᠦᠷ᠂ 020 ᠪᠡᠶᠡᠴᠢᠯᠡᠨ ᠣᠶᠢᠯᠭᠠᠬᠤ ᠲᠡᠯᠭᠡᠭᠦᠷ | ᠡᠷᠬᠢᠯᠡᠬᠦ ᠠᠬᠢᠴᠠ ᠶᠢ ᠲᠦᠷᠭᠡᠳᠬᠡᠵᠣ᠂ ᠲᠡᠯᠭᠡᠭᠦᠷ᠂ ᠰᠦᠯᠵᠢᠶ᠎ᠡ ᠬᠤᠶᠠᠷ ᠲᠠᠯ᠎ᠠ ᠪᠠᠨᠷ ᠪᠣᠷᠣᠯᠠᠭᠤᠯᠬᠤ ᠬᠡᠯᠪᠡᠷᠢ ᠶᠢ | ᠬᠡᠷᠡᠭᠵᠢᠭᠦᠯᠦᠨ᠂ ᠮᠠᠯ ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠤ ᠪᠣᠷᠣᠯᠠᠭᠤᠯᠠᠭᠠ ᠶᠢᠨ ᠵᠠᠮ ᠢ | ᠦᠷᠭᠡᠳᠬᠡᠵᠣ᠂ ᠲᠠᠭᠤᠷᠢᠶᠠᠯ ᠲᠠᠶᠢᠴᠢᠯᠠᠬᠤ ᠣᠶᠢᠯᠠᠳᠣᠯ ᠢ ᠭᠦᠢᠴᠡᠳ ᠪᠠᠳᠠᠷᠠᠭᠤᠯᠣᠨ᠎ᠠ᠃ ᠨᠢᠭᠡ᠂ ᠬᠤᠶᠠᠳᠦᠭᠠᠷ ᠲᠡᠰ | ᠤᠨ ᠬᠤᠳᠠ᠂ ᠬᠦᠷᠰᠢ ᠨᠢᠰᠬᠡᠯ ᠤᠨ ᠪᠠᠭᠤᠳᠠᠯ ᠵᠡᠷᠭᠡ ᠭᠠᠵᠠᠷ ᠢᠶᠠᠷ ᠣᠳᠤᠭ ᠤᠨ ᠡᠮᠦᠨᠡᠳᠦ ᠬᠤᠰᠢᠭᠤᠨ ᠤ ᠮᠠᠯ | ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠤ ᠬᠡᠯᠬᠢᠶ᠎ᠡ ᠲᠡᠯᠭᠡᠭᠦᠷ᠂ ᠪᠡᠶᠡᠴᠢᠯᠡᠨ ᠣᠶᠢᠯᠭᠠᠬᠤ ᠲᠡᠯᠭᠡᠭᠦᠷ | ᠡᠷᠬᠢᠯᠡᠬᠦ ᠪᠣᠶᠣ ᠬᠠᠳᠠᠭᠠᠯᠠᠨ ᠬᠦᠷᠭᠡᠬᠦ ᠲᠦᠪ ᠲᠦᠷᠢᠶᠡᠰᠦᠯᠡᠭᠡᠳ ᠬᠡᠪ ᠤᠨ ᠡᠵᠡᠩᠨᠡᠯᠳᠡ ᠨᠢ ᠨᠢᠭᠡ ᠵᠢᠯ ᠠᠴᠠ | ᠲᠡᠭᠡᠭᠰᠢ ᠪᠣᠯᠣᠭᠰᠠᠨ ᠪᠣᠯ ᠨᠢᠭᠡᠳᠦᠭᠡᠷ ᠲᠡᠰ ᠤᠨ ᠬᠤᠳᠠ ᠳᠤ ᠪᠠᠶᠢᠪᠠᠯ 30 ᠲᠦᠮᠡᠨ ᠲᠦᠭᠦᠷᠢᠭ᠂ ᠬᠤᠶᠠᠳᠦᠭᠠᠷ | ᠲᠡᠰ ᠤᠨ ᠬᠤᠳᠠ ᠳᠤ ᠪᠠᠶᠢᠪᠠᠯ 20 ᠲᠦᠮᠡᠨ ᠲᠦᠭᠦᠷᠢᠭ᠂ ᠬᠦᠷᠰᠢ ᠨᠢᠰᠭᠡᠯ ᠤᠨ ᠪᠠᠭᠤᠳᠠᠯ ᠳᠤ ᠪᠠᠶᠢᠪᠠᠯ 10 | ᠲᠦᠮᠡᠨ ᠲᠦᠭᠦᠷᠢᠭ ᠤᠨ ᠨᠦᠬᠦᠪᠦᠷᠢ ᠶᠢ ᠵᠠᠯᠠᠭ᠎ᠠ ᠪᠠᠷ ᠭᠤᠷᠪᠠᠨ ᠵᠢᠯ ᠣᠯᠭᠤᠨ᠎ᠠ᠃ | ᠢᠳᠡᠪᠬᠢᠳᠡᠢ ᠵᠣᠬᠢᠶᠠᠨ ᠪᠠᠶᠢᠭᠤᠯᠣᠨ ᠮᠠᠨ ᠤ ᠬᠤᠰᠢᠭᠤᠨ ᠤ ᠣᠨᠴᠠᠯᠢᠭᠳᠦ ᠮᠠᠯ ᠲᠠᠷᠢᠶᠠᠯᠠᠩ ᠤᠨ | ᠪᠦᠳᠦᠭᠡᠭᠳᠡᠭᠦᠨ ᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠵᠡᠰᠭᠦᠯᠡᠩ᠂ ᠮᠠᠯ ᠲᠠᠷᠢᠶᠠᠯᠠᠩ ᠤᠨ ᠪᠦᠳᠦᠭᠡᠭᠳᠡᠭᠦᠨ | ᠤ ᠲᠡᠯᠭᠡᠨ ᠦᠵᠡᠭᠦᠯᠦᠯᠭᠡ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶᠠᠨ ᠤ ᠴᠣᠭᠯᠠᠭᠠᠨ ᠵᠡᠷᠭᠡ ᠣᠯᠣᠰ | ᠤᠨ ᠲᠣᠳᠣᠭᠠᠳᠦ᠂ ᠮᠣᠵᠢ ᠶᠢᠨ ᠲᠣᠳᠣᠷᠠᠬᠢ ᠦᠵᠡᠭᠦᠯᠣᠯᠭᠡ ᠳᠤ ᠣᠷᠣᠯᠴᠠᠭᠤᠯᠣᠨ᠂ ᠵᠠᠰᠠᠭ ᠤᠨ ᠣᠷᠳᠣᠨ ᠠᠴᠠ | ᠪᠡᠯᠡ ᠮᠦᠩᠭᠦ ᠭᠠᠷᠭᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠢ ᠲᠡᠯᠭᠡᠨ ᠦᠵᠡᠭᠦᠯᠬᠦ ᠪᠣᠷᠣᠯᠠᠭᠤᠯᠠᠬᠤ ᠪᠠᠶᠢᠷᠢ ᠶᠢ | ᠨᠢᠭᠡᠳᠦᠯᠳᠡᠢ ᠲᠦᠷᠢᠶᠡᠰᠦᠯᠡᠨ ᠲᠣᠬᠢᠷᠠᠭᠤᠯᠵᠣ᠂ ᠮᠠᠨ ᠤ ᠬᠤᠰᠢᠭᠤᠨ ᠤ ᠣᠳᠣ ᠦᠶ᠎ᠡ ᠶᠢᠨ ᠮᠠᠯ ᠲᠠᠷᠢᠶᠠᠯᠠᠩ ᠤᠨ | ᠣᠶᠢᠯᠠᠰ ᠤᠨ ᠦᠷ᠎ᠡ ᠪᠦᠳᠦᠭᠡᠯ ᠢ ᠲᠣᠪᠣᠶᠢᠯᠭᠠᠵᠣ᠂ ᠮᠠᠯ ᠲᠠᠷᠢᠶᠠᠯᠠᠩ ᠤᠨ ᠣᠶᠢᠯᠠᠰ ᠤᠨ ᠡᠬᠢ ᠪᠠᠶᠠᠯᠢᠭ ᠢ | ᠣᠬᠠᠭᠤᠯᠣᠨ᠂ ᠮᠠᠨ ᠤ ᠬᠤᠰᠢᠭᠤᠨ ᠤ ᠣᠨᠴᠠᠯᠢᠭᠳᠦ᠂ ᠣᠯᠠᠨ ᠶᠠᠩᠵᠤᠳᠦ᠂ ᠰᠢᠯᠢᠳᠡᠭ ᠴᠢᠨᠠᠷᠳᠦ᠂ ᠠᠮᠢ ᠠᠬᠤᠶᠢᠴᠢ | ᠮᠠᠯ ᠲᠠᠷᠢᠶᠠᠯᠠᠩ ᠤᠨ ᠪᠦᠳᠦᠭᠡᠭᠳᠡᠭᠦᠨ ᠢ ᠣᠯᠣᠰ ᠤᠨ ᠲᠣᠳᠣᠭᠠᠳᠦ ᠭᠠᠳᠠᠭᠠᠳᠦ ᠶᠢᠨ ᠬᠡᠷᠡᠭᠯᠡᠭᠴᠢ ᠳᠤ | ᠲᠠᠨᠢᠯᠴᠠᠭᠤᠯᠬᠤ᠂ ᠮᠠᠯ ᠲᠠᠷᠢᠶᠠᠯᠠᠩ ᠤᠨ ᠣᠶᠢᠯᠠᠰ ᠤᠨ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠶᠢ | ᠦᠷᠭᠡᠳᠬᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠷᠠᠯᠵᠢᠶ᠎ᠠ ᠵᠦᠪᠳᠡᠨ ᠬᠡᠯᠡᠯᠴᠡᠬᠦ ᠶᠢ ᠠᠬᠢᠭᠤᠯᠵᠣ᠂ | ᠣᠶᠢᠯᠠᠳᠪᠦᠷᠢᠯᠡᠯ ᠪᠠ ᠬᠡᠷᠡᠭᠯᠡᠭᠡ ᠶᠢ ᠲᠠᠶᠢᠴᠢᠯᠠᠨ᠎ᠠ᠃ | ︵ᠵᠢᠷᠭᠤᠭ᠎ᠠ︶ ᠰᠦᠯᠵᠢᠶᠡᠨ ᠬᠤᠳᠠᠯᠳᠣᠭᠠᠨ ᠤ ᠭᠤᠣᠯ ᠴᠣᠭᠴᠠ ᠶᠢ ᠪᠣᠵᠠᠭᠠᠷᠠᠭᠤᠯᠣᠨᠠ᠃ ᠣᠶᠢᠯᠠᠰ | ᠪᠣᠰᠬᠠᠭᠴᠢᠳ ᠢ ᠲᠠᠶᠢᠴᠢᠯᠠᠨ ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠬᠦᠷᠢᠶᠡᠯᠡᠩ᠂ ᠵᠠᠯᠠᠭᠤᠴᠣᠳ ︵ | ᠣᠶᠣᠳᠠᠳ︶ ᠤᠨ ᠣᠶᠢᠯᠠᠰ ᠪᠣᠰᠬᠠᠬᠤ ᠬᠦᠷᠢᠶᠡᠯᠡᠩ᠂ ᠣᠶᠣᠳᠠᠳ ᠤᠨ ᠣᠶᠢᠯᠠᠰ ᠪᠣᠰᠬᠠᠬᠤ ᠨᠡᠶᠢᠭᠡᠮᠯᠢᠭ᠂ ᠲᠠᠯ᠎ᠠ | ᠶᠢᠨ ᠣᠳᠣᠨ ᠣᠶᠢᠯᠠᠰ ᠪᠣᠰᠬᠠᠬᠤ ᠰᠠᠭᠤᠷᠢᠨ ᠭᠠᠵᠠᠷ ᠵᠡᠷᠭᠡ ᠲᠠᠪᠴᠠᠩ ᠢᠶᠠᠷ ᠲᠠᠮᠵᠢᠭᠤᠯᠣᠨ ᠣᠶᠢᠯᠡᠳᠦᠯᠭᠡ ᠳᠤ | ᠣᠷᠣᠯᠴᠠᠭᠤᠯᠣᠨ᠎ᠠ︔ ᠲᠡᠭᠡᠳᠦ ᠵᠡᠷᠭᠡ ᠶᠢᠨ ᠰᠣᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠭᠤᠭᠰᠠᠳ ᠢ | ᠵᠢᠯᠣᠭᠤᠳᠴᠦ᠂ ᠰᠦᠯᠵᠢᠶᠡᠨ ᠲᠡᠯᠭᠡᠭᠦᠷ᠂ ᠸᠢᠴᠠᠲ ᠲᠡᠯᠭᠡᠭᠦᠷ ᠡᠷᠬᠢᠯᠡᠬᠦ ᠶᠢ ᠵᠣᠷᠢᠭᠵᠢᠭᠤᠯᠣᠨ᠂ ᠣᠯᠠᠨ ᠲᠠᠶᠠᠭᠠᠷ | ᠣᠶᠢᠯᠠᠰ ᠪᠣᠰᠬᠠᠬᠤ᠂ ᠲᠦᠮᠡᠨ ᠲᠠᠶᠠᠭᠠᠷ ᠰᠢᠨ᠎ᠡ ᠶᠢ ᠡᠭᠦᠳᠬᠦ ᠰᠢᠨ᠎ᠡ ᠪᠠᠶᠢᠳᠠᠯ ᠢ ᠪᠦᠷᠢᠯᠳᠦᠭᠦᠯᠵᠣ᠂ ᠰᠦᠯᠵᠢᠶᠡᠨ | ᠬᠤᠳᠠᠯᠳᠣᠭᠠᠨ ᠤ ᠡᠵᠡᠩᠨᠡᠯᠳᠡ ᠶᠢᠨ ᠭᠤᠣᠯ ᠴᠣᠭᠴᠠ ᠶᠢ ᠪᠣᠵᠠᠭᠠᠶᠢᠷᠠᠭᠤᠯᠣᠨ᠎ᠠ᠃ B2B᠂ B2C᠂ C2B | ᠰᠦᠯᠵᠢᠶᠡᠨ ᠬᠤᠳᠠᠯᠳᠣᠭᠠᠨ ᠤ ᠲᠠᠪᠴᠠᠩ ᠢᠶᠠᠷ ᠭᠤᠣᠯᠯᠠᠭᠴᠢ ᠪᠣᠯᠭᠠᠨ᠂ ᠲᠡᠵᠢᠭᠡᠨ ᠦᠷᠡᠵᠢᠭᠦᠯᠭᠡ ᠶᠢᠨ ᠲᠣᠮᠣ | ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠣᠷ᠂ ᠮᠠᠯᠴᠢᠨ ᠲᠠᠷᠢᠶᠠᠴᠢᠳ ᠤᠨ ᠲᠣᠰᠬᠠᠢ ᠬᠤᠷᠰᠢᠶᠠᠵᠢᠯ | ᠂ ᠮᠠᠯ ᠲᠠᠷᠢᠶᠠᠯᠠᠩ ᠤᠨ ᠣᠶᠢᠯᠠᠰ ᠤᠨ ᠲᠣᠯᠣᠭᠠᠶᠢᠯᠠᠭᠴᠢ ᠠᠵᠣ ᠠᠬᠤᠶᠢᠯᠠᠯ ᠵᠢᠴᠢ ᠰᠢᠨ᠎ᠡ ᠬᠡᠯᠪᠡᠷᠢ ᠶᠢᠨ ᠮᠠᠯ | ᠲᠠᠷᠢᠶᠠᠯᠠᠩ ᠤᠨ ᠣᠶᠢᠯᠠᠰ ᠤᠨ ᠡᠵᠡᠩᠨᠡᠯᠳᠡ ᠶᠢᠨ ᠭᠤᠣᠯ ᠴᠣᠭᠴᠠ ᠶᠢ ᠲᠡᠮᠵᠢᠨ ᠵᠣᠷᠢᠭᠵᠢᠭᠤᠯᠵᠣ᠂ ᠬᠠᠩᠭᠠᠨ | ᠪᠣᠷᠣᠯᠠᠭᠤᠯᠭ᠎ᠠ ᠶᠢᠨ ᠬᠤᠷᠰᠢᠶᠠᠵᠢᠯ᠂ ᠮᠠᠯ ᠲᠠᠷᠢᠶᠠᠯᠠᠩ ᠤᠨ ᠣᠶᠢᠯᠠᠰ ᠤᠨ ᠵᠠᠭᠤᠴᠢᠯᠠᠭᠴᠢ᠂ ᠬᠦᠳᠡᠭᠡ ᠨᠣᠳᠤᠭ ᠲᠤ | ᠪᠠᠨ ᠪᠣᠴᠠᠭᠰᠠᠨ ᠣᠶᠣᠳᠠᠳ᠂ ᠣᠶᠣᠳᠠᠨ ᠭᠠᠴᠠᠭᠠᠨ ᠲᠠᠷᠤᠭ᠎ᠠ᠂ ᠬᠦᠳᠡᠭᠡ ᠲᠣᠰᠬᠤᠨ ᠤ ᠵᠠᠯᠠᠭᠤ ᠲᠠᠶᠢᠴᠢᠯᠠᠭᠴᠢ᠂ | ᠬᠤᠪᠢ ᠶᠢᠨ ᠡᠵᠡᠩᠨᠡᠯᠳᠡ ᠶᠢᠨ ᠡᠷᠦᠬᠡ ᠰᠦᠯᠵᠢᠶᠡᠨ ᠬᠤᠳᠠᠯᠳᠤᠭ᠎ᠠ ᠪᠠᠷ ᠣᠶᠢᠯᠠᠰ ᠪᠣᠰᠬᠠᠬᠤ ᠶᠢ ᠲᠡᠮᠵᠢᠨ᠎ᠡ᠃ | ᠣᠳᠤᠭ ᠤᠨ ᠡᠮᠦᠨᠡᠳᠦ ᠬᠤᠰᠢᠭᠤᠨ ᠤ ᠨᠣᠳᠤᠭ ᠤᠨ ᠣᠨᠴᠠᠯᠢᠭᠳᠦ ᠮᠠᠯ ᠲᠠᠷᠢᠶᠠᠯᠠᠩ ᠤᠨ ᠪᠦᠳᠦᠭᠡᠭᠳᠡᠭᠦᠨ ︵ | ᠬᠠᠳᠠᠭᠠᠭᠰᠠᠨ ᠪᠣᠷᠴᠠ᠂ ᠬᠠᠭᠤᠷᠠᠭᠰᠠᠨ ᠠᠮᠣ ᠵᠡᠷᠭᠡ︶᠂ ᠭᠠᠷ ᠣᠷᠠᠯᠠᠯ ᠤᠨ ᠪᠦᠳᠦᠭᠡᠭᠳᠡᠭᠦᠨ ︵ᠦᠨᠳᠦᠰᠦᠳᠡᠨ ᠤ | ᠬᠤᠪᠴᠠᠰᠦ ᠵᠠᠰᠠᠯ᠂ ᠭᠡᠷ ᠤᠨ ᠬᠡᠷᠡᠭᠰᠡᠯ ᠵᠡᠷᠭᠡ︶᠂ ᠵᠢᠭᠤᠯᠴᠢᠯᠠᠯ ᠤᠨ ᠲᠠᠸᠠᠷ ︵ᠶᠡᠭᠡ ᠲᠣᠯᠣᠨ᠂ ᠶᠡᠭᠡ ᠲᠣᠬᠤᠢ᠂ | ᠭᠤᠯᠣᠮᠳᠠ ᠭᠠᠯ ᠴᠡᠴᠡᠷᠯᠢᠭ ᠵᠡᠷᠭᠡ ᠦᠵᠡᠮᠵᠢ ᠶᠢᠨ ᠣᠷᠣᠨ ᠤ ᠲᠣᠷᠠᠰᠬᠠᠯ ᠤᠨ ᠪᠣᠳᠠᠰ︶ ᠤᠨ ᠠᠷᠠᠯᠵᠢᠶᠠᠨ ᠤ | ᠬᠤᠳᠠᠯᠳᠣᠭᠠᠴᠢᠳ ᠦᠪᠡᠷᠳᠡᠭᠡᠨ ᠰᠦᠯᠵᠢᠶᠡᠨ ᠬᠤᠳᠠᠯᠳᠣᠭᠠᠨ ᠤ ᠲᠠᠪᠴᠠᠩ ︵ᠭᠠᠷ ᠣᠳᠠᠰᠣᠨ APP᠂ ᠸᠢᠴᠠᠲ | ᠨᠡᠶᠢᠳᠡ ᠶᠢᠨ ᠳ᠋ᠣᠭᠠᠷ ᠵᠡᠷᠭᠡ ᠶᠢ ᠪᠠᠭᠳᠠᠭᠠᠨ᠎ᠠ︶ ᠪᠠᠶᠢᠭᠤᠯᠬᠤ ᠶᠢ ᠵᠣᠷᠢᠭᠵᠢᠭᠤᠯᠣᠨ᠎ᠠ᠃ ᠰᠦᠯᠵᠢᠶᠡᠨ ᠬᠤᠳᠠᠯᠳᠣᠭᠠᠨ | ᠤ ᠠᠵᠣ ᠠᠬᠤᠶᠢᠯᠠᠯ ᠪᠣᠯᠣᠨ ᠬᠤᠪᠢ ᠬᠦᠮᠦᠨ ᠤ ᠵᠢᠯ ᠤᠨ ᠰᠦᠯᠵᠢᠶᠡᠨ ᠪᠣᠷᠣᠯᠠᠭᠤᠯᠭ᠎ᠠ ᠶᠢᠨ ᠦᠷᠳᠡᠭ 100 | ᠲᠦᠮᠡᠨ ᠲᠦᠭᠦᠷᠢᠭ᠂ 200 ᠲᠦᠮᠡᠨ ᠲᠦᠭᠦᠷᠢᠭ᠂ 500 ᠲᠦᠮᠡᠨ ᠲᠦᠭᠦᠷᠢᠭ ᠲᠤ ᠬᠦᠷᠦᠭᠰᠡᠳ ᠢ ᠨᠢᠭᠡᠯᠡ | ᠣᠳᠠᠭ᠎ᠠ ᠪᠠᠷ 2 ᠲᠦᠮᠡᠨ ᠲᠦᠭᠦᠷᠢᠭ᠂ 5 ᠲᠦᠮᠡᠨ ᠲᠦᠭᠦᠷᠢᠭ᠂ 10 ᠲᠦᠮᠡᠨ ᠲᠦᠭᠦᠷᠢᠭ ᠢᠶᠠᠷ ᠬᠦᠬᠢᠭᠦᠯᠦᠨ | ᠱᠠᠩᠨᠠᠨ᠎ᠠ᠃ | ︵ᠲᠣᠯᠤᠭ᠎ᠠ︶ ᠲᠠᠸᠠᠷ ᠤᠨ ᠪᠦᠭᠡᠮ ᠠᠷᠠᠯᠵᠢᠶᠠᠨ ᠤ ᠲᠠᠪᠴᠠᠩ ᠢ ᠪᠠᠶᠢᠭᠤᠯᠣᠨ᠎ᠠ᠃ ᠪᠦᠬᠦ ᠬᠦᠴᠦᠨ ᠢᠶᠠᠷ | B2B᠂ B2C ᠠᠵᠢᠯ ᠲᠦᠷᠦᠯ ᠤᠨ ᠠᠷᠠᠯᠵᠢᠶᠠᠨ ᠤ ᠰᠦᠯᠵᠢᠶᠡᠨ ᠬᠤᠳᠠᠯᠳᠤᠭ᠎ᠠ ᠪᠣᠯᠣᠨ ᠰᠠᠪᠠ ᠠᠯᠣᠰᠯᠠᠭᠰᠠᠨ | ᠰᠦᠯᠵᠢᠶᠡᠨ ᠬᠤᠳᠠᠯᠳᠣᠭᠠᠨ ᠤ ᠲᠠᠪᠴᠠᠩ ᠤᠨ ᠪᠠᠶᠢᠭᠤᠯᠣᠯᠳᠠ ᠶᠢ ᠠᠬᠢᠭᠤᠯᠵᠣ᠂ ᠮᠠᠯ ᠲᠠᠷᠢᠶᠠᠯᠠᠩ ᠤᠨ | ᠪᠦᠳᠦᠭᠡᠭᠳᠡᠭᠦᠨ᠂ ᠴᠠᠭᠠᠨ ᠢᠳᠡᠭᠡᠨ᠂ ᠦᠨᠳᠦᠰᠦᠳᠡᠨ ᠤ ᠭᠠᠷ ᠣᠷᠯᠠᠯ ᠤᠨ ᠪᠦᠳᠦᠭᠡᠭᠳᠡᠭᠦᠨ ᠢᠶᠠᠷ ᠭᠤᠣᠯ | ᠪᠣᠯᠭᠠᠭᠰᠠᠨ ᠠᠵᠣ ᠠᠬᠤᠶᠢᠯᠠᠯ ᠰᠦᠯᠵᠢᠶᠡᠨ ᠲᠡᠭᠡᠷ᠎ᠡ ᠪᠡᠯᠡᠨ ᠪᠠᠷᠠᠭᠠᠨ ᠤ ᠪᠦᠭᠡᠮ ᠠᠷᠠᠯᠵᠢᠶ᠎ᠠ ᠬᠢᠬᠦ ᠶᠢ ᠲᠡᠮᠵᠢᠨ᠎ᠡ᠃ | ᠣᠯᠣᠰ ᠤᠨ ᠲᠣᠳᠣᠭᠠᠳᠦ ᠤᠨ ᠨᠡᠷᠡᠳᠦ ᠰᠦᠯᠵᠢᠶᠡᠨ ᠬᠤᠳᠠᠯᠳᠣᠭᠠᠨ ᠤ ᠲᠠᠪᠴᠠᠩ ︵ᠲᠣᠣ ᠪᠣᠣ᠂ ᠵᠢᠩ ᠳ᠋ᠦᠩ᠂ | ᠰᠦ ᠨᠢᠩ ᠢ ᠭᠧᠦ ᠵᠡᠷᠭᠡ︶ ᠲᠡᠭᠡᠷ᠎ᠡ ᠣᠳᠤᠭ ᠤᠨ ᠡᠮᠦᠨᠡᠳᠦ ᠬᠤᠰᠢᠭᠤᠨ ᠤ ᠲᠠᠪᠠᠭᠤᠯᠢᠭ ᠠᠵᠣ ᠣᠶᠢᠯᠠᠰ ᠤᠨ | ᠲᠣᠰᠬᠠᠢ ᠬᠦᠷᠢᠶᠡᠯᠡᠩ᠂ ᠣᠷᠣᠨ ᠨᠣᠳᠤᠭ ᠤᠨ ᠣᠨᠴᠠᠯᠢᠭᠳᠦ ᠣᠷᠳᠣᠨ᠂ ᠲᠦᠪ ᠲᠡᠯᠭᠡᠭᠦᠷ ᠤᠨ ᠠᠵᠢᠯᠯᠠᠮᠵᠢ | ᠡᠵᠡᠩᠨᠡᠯᠳᠡ ᠶᠢᠨ ᠭᠤᠣᠯ ᠴᠣᠭᠴᠠ ᠪᠠᠶᠢᠭᠤᠯᠪᠠᠯ ᠨᠢᠭᠡᠯᠡ ᠣᠳᠠᠭ᠎ᠠ ᠪᠠᠷ 10 ᠲᠦᠮᠡᠨ ᠲᠦᠬᠦᠷᠢᠭ ᠤᠨ ᠨᠦᠬᠦᠪᠦᠷᠢ | ᠣᠯᠭᠤᠨ᠎ᠠ᠃ | ︵ᠨᠠᠢᠮᠠ︶ ᠨᠡᠶᠢᠳᠡ ᠶᠢᠨ ᠣᠶᠢᠯᠡᠴᠢᠯᠡᠭᠡᠨ ᠤ ᠬᠦᠷᠢᠶ᠎ᠡ ᠴᠠᠷᠠᠭᠠᠨ ᠤ ᠰᠦᠯᠵᠢᠶᠡᠨ ᠬᠤᠳᠠᠯᠳᠣᠭᠠᠨ ᠤ ᠬᠡᠷᠡᠭᠯᠡᠭᠡ | ᠶᠢ ᠲᠦᠭᠡᠮᠠᠯᠵᠢᠭᠦᠯᠦᠨᠡ᠃ ᠰᠦᠯᠵᠢᠶᠡᠨ ᠬᠤᠳᠠᠯᠳᠤᠭ᠎ᠠ ᠶᠢᠨ ᠵᠠᠰᠠᠭ ᠤᠨ ᠶᠠᠪᠣᠳᠠᠯ ᠤᠨ ᠮᠡᠳᠡᠭᠡ ᠵᠠᠩᠭᠢ ᠤᠨ | ᠯᠠᠪᠯᠠᠯᠳᠡ᠂ ᠣᠶᠣᠨᠴᠢ ᠬᠤᠳᠠ ᠶᠢᠨ ᠪᠠᠶᠢᠭᠤᠯᠣᠯᠳᠠ᠂ ᠠᠷᠠᠳ ᠤᠨ ᠠᠮᠢᠳᠣᠷᠠᠯ ᠲᠤ ᠲᠦᠬᠦᠮ ᠦᠵᠡᠭᠦᠯᠬᠦ ᠵᠡᠷᠭᠡ | ᠲᠠᠯ᠎ᠠ ᠳᠠᠬᠢ ᠬᠡᠷᠡᠭᠯᠡᠭᠡ ᠶᠢ ᠲᠦᠷᠭᠡᠳᠬᠡᠨ᠂ ᠰᠦᠯᠵᠢᠶᠡᠨ ᠬᠤᠳᠠᠯᠳᠣᠭᠠᠨ ᠶᠠᠪᠣᠳᠠᠯ ᠤᠨ ᠨᠡᠶᠢᠳᠡ ᠶᠢᠨ | ᠣᠶᠢᠯᠡᠴᠢᠯᠡᠭᠡᠨ ᠤ ᠬᠦᠷᠢᠶ᠎ᠡ ᠴᠠᠷᠠᠭᠠᠨ ᠳᠠᠬᠢ ᠬᠡᠷᠡᠭᠯᠡᠭᠡᠨ ᠤ ᠪᠦᠷᠬᠦᠴᠡ ᠶᠢ ᠦᠷᠭᠡᠳᠬᠡᠨ᠎ᠡ᠃ ᠬᠤᠳᠠ ᠶᠢᠨ | ᠲᠣᠭᠤᠷᠢᠭ ᠤᠨ ᠨᠡᠶᠢᠳᠡ ᠶᠢᠨ ᠡᠬᠢ ᠪᠠᠶᠠᠯᠢᠭ ᠢ ᠨᠡᠶᠢᠳᠬᠡᠨ᠂ ᠰᠦᠯᠵᠢᠶᠡᠨ ᠬᠤᠳᠠᠯᠳᠣᠭᠠᠨ ᠤ ᠵᠢᠭᠤᠯᠴᠢᠯᠠᠯ᠂ ᠵᠠᠮ | ᠬᠠᠷᠢᠯᠴᠠᠭ᠎ᠠ᠂ ᠰᠣᠷᠭᠠᠨ ᠬᠦᠮᠦᠵᠢᠯ᠂ ᠡᠮ ᠡᠮᠨᠡᠯᠭᠡ᠂ ᠰᠣᠶᠣᠯ᠂ ᠲᠣᠭᠠᠴᠠᠯᠠᠭᠰᠠᠨ ᠬᠡᠪᠯᠡᠯ᠂ ᠨᠡᠶᠢᠭᠡᠮ ᠲᠣᠭᠤᠷᠢᠭ | ᠤᠨ ᠣᠶᠢᠯᠡᠴᠢᠯᠡᠭᠡ᠂ ᠭᠡᠷ ᠤᠨ ᠶᠠᠪᠣᠳᠠᠯ ᠤᠨ ᠣᠶᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠠᠬᠢ ᠦᠷᠭᠡᠳᠬᠡᠯ ᠢ | ᠠᠬᠢᠭᠤᠯᠵᠣ᠂ ᠰᠦᠯᠵᠢᠶᠠᠨ ᠳᠠᠬᠢ ᠲᠡᠯᠭᠡᠨ ᠦᠵᠡᠭᠦᠯᠦᠯᠭᠡ᠂ ᠰᠦᠯᠵᠢᠶᠡᠨ ᠵᠢᠭᠤᠯᠴᠢᠯᠠᠯ᠂ ᠰᠦᠯᠵᠢᠶᠠᠨ ᠰᠣᠷᠭᠠᠨ | ᠬᠦᠮᠦᠵᠢᠯ᠂ ᠰᠦᠯᠵᠢᠶᠠᠨ ᠡᠮᠨᠡᠯᠭᠡ᠂ ᠰᠦᠯᠵᠢᠶᠡᠨ ᠨᠣᠭᠤᠭᠠᠨ ᠲᠡᠯᠭᠡᠭᠦᠷ᠂ ᠨᠡᠶᠢᠭᠡᠮ ᠲᠣᠭᠤᠷᠢᠭ ᠤᠨ ᠰᠦᠯᠵᠢᠶᠡᠨ | ᠬᠤᠳᠠᠯᠳᠤᠭ᠎ᠠ ᠵᠡᠷᠭᠡ ᠰᠦᠯᠵᠢᠶᠡᠨ ᠬᠤᠳᠠᠯᠳᠣᠭᠠᠨ ᠤ ᠬᠡᠷᠡᠭᠯᠡᠭᠡ ᠶᠢ ᠪᠦᠬᠦ ᠬᠦᠴᠦᠨ ᠢᠶᠠᠷ ᠬᠦᠭᠵᠢᠭᠦᠯᠦᠨ᠎ᠡ᠃ | ᠠᠯᠪᠠᠨ ᠬᠡᠷᠡᠭᠯᠡᠭᠡᠨ ᠤ ᠠᠵᠢᠯ ᠣᠶᠢᠯᠠᠰ ᠤᠨ ᠰᠦᠯᠵᠢᠶᠡᠨ ᠬᠤᠳᠠᠯᠳᠣᠭᠠᠨ ᠶᠠᠪᠣᠳᠠᠯ ᠤᠨ ᠬᠡᠷᠡᠭᠯᠡᠭᠡ ᠶᠢ ᠠᠬᠢᠭᠤᠯᠣᠨ᠂ | ᠣᠰᠣ᠂ ᠴᠠᠬᠢᠯᠭᠠᠨ᠂ ᠬᠡᠢ᠂ ᠠᠳᠠᠯ ᠠᠬᠤᠢ ᠵᠡᠷᠭᠡ ᠶᠢᠨ ᠵᠠᠷᠣᠳᠠᠯ ᠢ ᠰᠦᠯᠵᠢᠶᠡᠨ ᠲᠡᠭᠡᠷ᠎ᠡ ᠲᠣᠰᠢᠶᠠᠬᠤ ᠶᠢ | ᠪᠡᠶᠡᠯᠡᠭᠦᠯᠦᠨ᠎ᠡ᠃ ᠰᠦᠯᠵᠢᠶᠡᠨ ᠠᠴᠠ ᠪᠦᠯᠦᠭᠯᠡᠨ ᠠᠪᠬᠤ ᠶᠢ ᠲᠦᠷᠢᠮᠵᠢᠭᠦᠯᠦᠨ ᠬᠦᠭᠵᠢᠭᠦᠯᠵᠣ᠂ ᠣᠷᠣᠨ ᠨᠣᠳᠤᠭ | ᠤᠨ ᠪᠦᠯᠦᠭᠯᠡᠨ ᠠᠪᠬᠤ ᠨᠡᠷᠡᠳᠦ ᠲᠠᠪᠴᠠᠩ ᠢ ᠪᠠᠶᠢᠭᠤᠯᠵᠣ᠂ ᠪᠦᠬᠦ ᠬᠤᠰᠢᠭᠤᠨ ᠤ ᠵᠣᠴᠢᠳ ᠤᠨ ᠪᠠᠭᠤᠳᠠᠯ᠂ | ᠦᠵᠡᠮᠵᠢ ᠶᠢᠨ ᠣᠷᠣᠨ᠂ ᠰᠣᠶᠣᠯ ᠵᠢᠭᠤᠯᠴᠢᠯᠠᠯ ᠤᠨ ᠣᠨᠴᠠᠯᠢᠭᠳᠦ ᠪᠦᠳᠦᠭᠡᠭᠳᠡᠭᠦᠨ ᠤ ᠲᠡᠯᠭᠡᠭᠦᠷ ᠪᠣᠯᠣᠨ ᠮᠠᠯᠴᠢᠨ | ᠲᠠᠷᠢᠶᠠᠴᠢᠨ ᠠᠶᠢᠯ ᠤᠨ ᠪᠠᠶᠠᠰᠣᠯ ᠢ ᠪᠦᠯᠦᠭᠯᠡᠨ ᠠᠪᠬᠤ ᠲᠠᠪᠴᠠᠩ ᠳᠤ ᠣᠷᠣᠭᠤᠯᠵᠣ᠂ ᠬᠤᠰᠢᠭᠤᠨ ᠤ ᠲᠣᠳᠣᠨ᠎ᠠ | ᠭᠠᠳᠠᠨᠠᠬᠢ ᠬᠡᠷᠡᠭᠯᠡᠭᠴᠢᠳ ᠢ ᠲᠠᠳᠠᠨ ᠠᠪᠴᠢᠷᠠᠨ᠎ᠠ᠃ ᠰᠦᠯᠵᠢᠶᠡᠨ ᠪᠣᠷᠣᠯᠠᠭᠤᠯᠭ᠎ᠠ ᠶᠢᠨ ᠵᠢᠯ ᠤᠨ ᠠᠷᠠᠯᠵᠢᠶᠠᠨ ᠤ | ᠦᠷᠳᠡᠭ 20 ᠲᠦᠮᠡᠨ ᠲᠦᠭᠦᠷᠢᠭ ᠢ ᠲᠠᠪᠠᠭᠰᠠᠨ ᠰᠦᠯᠵᠢᠶᠡᠨ ᠬᠤᠳᠠᠯᠳᠣᠭᠠᠨ ᠤ ᠲᠠᠪᠴᠠᠩ ᠢ 5 ᠲᠦᠮᠡᠨ | ᠲᠦᠭᠦᠷᠢᠭ ᠢᠶᠠᠷ ᠱᠠᠩᠨᠠᠨ ᠬᠦᠬᠢᠭᠦᠯᠦᠨ᠎ᠡ᠃ | ︵ᠶᠢᠰᠦ︶ ᠦᠨᠳᠦᠰᠦᠨ ᠱᠠᠳᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ ᠦᠷᠳᠡᠭᠡ ᠶᠢᠨ | ᠠᠵᠢᠯ ᠢ ᠲᠡᠭᠦᠯᠳᠡᠷᠵᠢᠭᠦᠯᠦᠨ᠎ᠡ᠃ ᠬᠦᠮᠦᠨ ᠠᠮᠠ ᠣᠯᠠᠨ᠂ ᠠᠵᠣ ᠣᠶᠢᠯᠠᠰ ᠤᠨ ᠬᠦᠭᠵᠢᠯᠳᠡ ᠢᠯᠡᠷᠬᠡᠢ ᠭᠠᠴᠠᠭ᠎ᠠ | ᠲᠣᠰᠬᠤᠨ᠂ ᠨᠡᠶᠢᠭᠡᠮ ᠲᠣᠭᠤᠷᠢᠭ ᠲᠤ ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠬᠤᠳᠠᠯᠳᠣᠭᠠᠨ ᠤ ᠴᠡᠭ | ᠭᠠᠷᠭᠠᠵᠣ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠮᠡᠳᠡᠭᠡ ᠵᠠᠩᠬᠢᠯᠠᠯᠳᠠ ᠶᠢᠨ ᠰᠠᠭᠤᠷᠢ ᠲᠦᠬᠦᠭᠡᠷᠣᠮᠵᠢ | ᠶᠢᠨ ᠪᠠᠶᠢᠭᠤᠯᠣᠯᠳᠠ ᠶᠢ ᠴᠢᠩᠭᠠᠳᠬᠠᠨ᠂ ᠪᠡᠯᠡ ᠮᠦᠩᠭᠦᠨ ᠤ ᠲᠣᠰᠠᠯᠠᠮᠵᠢ ᠦᠩᠬᠦ ᠪᠠ ᠰᠠᠭᠤᠷᠢ ᠮᠡᠳᠡᠯᠭᠡ ᠶᠢᠨ | ᠪᠣᠯᠪᠠᠰᠣᠷᠠᠯ ᠬᠦᠷᠳᠡᠭᠡᠬᠦ ᠵᠡᠷᠭᠡ ᠠᠷᠭ᠎ᠠ ᠪᠠᠷ ᠲᠡᠮᠵᠢᠨ᠎ᠡ᠃ ᠬᠡᠪ ᠤᠨ ᠠᠵᠢᠯᠯᠠᠮᠵᠢ ᠡᠵᠡᠩᠨᠡᠯᠳᠡ ᠶᠢᠨ 7 ᠲᠦᠷᠦᠯ ᠤᠨ | ᠴᠢᠳᠠᠪᠬᠢ ᠲᠠᠢ ︵ᠣᠷᠣᠯᠠᠨ ᠬᠤᠳᠠᠯᠳᠣᠬᠤ ᠣᠶᠢᠯᠡᠴᠢᠯᠡᠭᠡ᠂ ᠣᠷᠣᠯᠠᠨ ᠬᠤᠳᠠᠯᠳᠣᠨ ᠠᠪᠬᠤ ᠣᠶᠢᠯᠡᠴᠢᠯᠡᠭᠡ᠂ | ᠠᠷᠠᠳ ᠲᠤ ᠲᠦᠬᠦᠮ ᠦᠵᠡᠭᠦᠯᠬᠦ ᠣᠶᠢᠯᠡᠴᠢᠯᠡᠭᠡ᠂ ᠮᠦᠩᠭᠦᠨ ᠭᠦᠢᠯᠭᠡᠭᠡᠨ ᠤ ᠣᠶᠢᠯᠡᠴᠢᠯᠡᠭᠡ᠂ ᠮᠠᠯ ᠲᠠᠷᠢᠶᠠᠯᠠᠩ ᠤᠨ | ᠮᠡᠷᠭᠡᠵᠢᠯ ᠤᠨ ᠣᠶᠢᠯᠡᠴᠢᠯᠡᠭᠡ᠂ ᠮᠡᠳᠡᠭᠡ ᠵᠠᠩᠬᠢ ᠶᠢᠨ ᠣᠶᠢᠯᠡᠴᠢᠯᠡᠭᠡ᠂ ᠪᠣᠯᠪᠠᠰᠣᠷᠠᠯ ᠤᠨ ᠣᠶᠢᠯᠡᠴᠢᠯᠡᠭᠡ︶ | ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ ᠦᠷᠳᠡᠭᠡ ᠪᠠᠶᠢᠭᠤᠯᠪᠠᠯ᠂ ᠵᠠᠰᠠᠭ ᠤᠨ ᠣᠷᠳᠣᠨ ᠠᠴᠠ ᠨᠢᠭᠡᠯᠡ | ᠣᠳᠠᠭ᠎ᠠ ᠪᠠᠷ 3 ᠲᠦᠮᠡᠨ ᠲᠦᠬᠦᠷᠢᠭ ᠢᠶᠠᠷ ᠲᠡᠮᠵᠢᠨ᠎ᠡ᠃ ᠮᠠᠯᠴᠢᠨ ᠲᠠᠷᠢᠶᠠᠴᠢᠨ ᠪᠣᠯᠣᠨ ᠮᠡᠯ ᠲᠠᠷᠢᠶᠠᠯᠠᠩ ᠤᠨ | ᠣᠶᠢᠯᠠᠰ ᠤᠨ ᠬᠤᠷᠰᠢᠶᠠᠵᠢᠯ ᠵᠡᠷᠭᠡ ᠶᠢ ᠬᠠᠪᠰᠣᠷᠣᠨ ᠰᠦᠯᠵᠢᠶᠡᠨ ᠪᠣᠷᠣᠯᠠᠭᠤᠯᠭ᠎ᠠ ᠶᠢᠨ ᠦᠷᠳᠡᠭ ᠢ 10 ᠲᠦᠮᠡᠨ | ᠲᠦᠭᠦᠷᠢᠭ ᠠᠴᠠ ᠲᠠᠪᠠᠭᠤᠯᠣᠭᠰᠠᠨ ᠦᠨᠳᠦᠰᠦᠨ ᠱᠠᠳᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡ ᠶᠢᠨ | ᠦᠷᠳᠡᠭᠡ ᠶᠢ 1 ᠲᠦᠮᠡᠨ ᠲᠦᠭᠦᠷᠢᠭ ᠢᠶᠠᠷ ᠱᠠᠩᠨᠠᠨ᠎ᠠ᠃ ᠮᠠᠯᠴᠢᠨ ᠲᠠᠷᠢᠶᠠᠴᠢᠳ ᠢ ᠬᠠᠪᠰᠣᠷᠣᠨ ᠰᠦᠯᠵᠢᠶ᠎ᠡ ᠪᠠᠷ | ᠣᠶᠢᠯᠠᠳᠪᠦᠷᠢᠯᠡᠯ ᠠᠮᠢᠳᠣᠷᠠᠯ ᠤᠨ ᠬᠡᠷᠡᠭᠰᠡᠯ ᠬᠤᠳᠠᠯᠳᠣᠨ ᠠᠪᠣᠭᠰᠠᠨ ᠵᠢᠯ ᠤᠨ ᠨᠣᠷᠮ᠎ᠠ 100 ᠲᠦᠮᠡᠨ ᠲᠦᠭᠦᠷᠢᠭ | ᠠᠴᠠ ᠲᠠᠪᠠᠪᠠᠯ᠂ 1 ᠲᠦᠮᠡᠨ ᠲᠦᠭᠦᠷᠢᠭ ᠢᠶᠠᠷ ᠱᠠᠩᠨᠠᠨ ᠬᠦᠬᠢᠭᠦᠯᠦᠨ᠎ᠡ᠃ | ︵ᠠᠷᠪᠠ︶ ᠪᠣᠳᠠᠰ ᠤᠨ ᠭᠦᠢᠯᠭᠡᠭᠡᠨ ᠤ ᠬᠦᠮᠦᠷᠭᠡᠯᠡᠯᠳᠡ ᠬᠦᠷᠭᠡᠯᠳᠡ ᠶᠢᠨ ᠰᠢᠰᠲ᠋ᠧᠮ ᠤᠨ ᠪᠠᠶᠢᠭᠤᠯᠣᠯᠳᠠ ᠶᠢ | ᠠᠬᠢᠭᠤᠯᠣᠨ᠎ᠠ᠃ ᠣᠳᠣ ᠪᠠᠶᠢᠭ᠎ᠠ ᠣᠶᠢᠯᠠᠳᠪᠦᠷᠢ᠂ ᠬᠤᠳᠠᠯᠳᠤᠭ᠎ᠠ᠂ ᠬᠦᠮᠦᠷᠭᠡᠯᠡᠯᠳᠡ ᠪᠣᠯᠣᠨ ᠵᠦᠭᠡᠭᠡᠪᠦᠷᠢ ᠵᠡᠷᠭᠡ | ᠪᠣᠳᠠᠰ ᠤᠨ ᠭᠦᠢᠯᠭᠡᠭᠡᠨ ᠤ ᠡᠬᠢ ᠪᠠᠶᠠᠯᠢᠭ ᠢ ᠨᠡᠶᠢᠳᠬᠡᠨ᠂ ᠭᠤᠷᠪᠠᠳᠦᠭᠠᠷ ᠡᠳᠡᠭᠡᠳ ᠤᠨ ᠪᠣᠳᠠᠰ ᠤᠨ ᠭᠦᠢᠯᠭᠡᠭᠡᠨ ᠢ | ᠬᠦᠭᠵᠢᠭᠦᠯᠵᠣ᠂ ᠣᠯᠠᠮᠵᠢᠯᠠᠯᠳᠦ ᠪᠣᠳᠠᠰ ᠤᠨ ᠭᠦᠢᠯᠭᠡᠭᠡᠨ ᠤ ᠲᠣᠬᠢᠷᠠᠭᠤᠯᠣᠨ ᠬᠦᠷᠭᠡᠭᠦ ᠠᠵᠣ ᠠᠬᠤᠶᠢᠯᠠᠯ ᠤᠨ | ᠬᠡᠯᠪᠡᠷᠢ ᠪᠠᠨ ᠬᠤᠪᠢᠷᠠᠭᠤᠯᠣᠨ ᠲᠡᠰ ᠲᠡᠪᠰᠢᠭᠦᠯᠬᠦ ᠶᠢ ᠵᠣᠷᠢᠭᠵᠢᠭᠤᠯᠣᠨ᠂ ᠦᠪᠡᠷᠳᠡᠭᠡᠨ ᠰᠦᠯᠵᠢᠶᠡᠨ ᠬᠤᠳᠠᠯᠳᠣᠭᠠᠨ | ᠤ ᠬᠦᠮᠦᠷᠭᠡᠯᠡᠯᠳᠡ ᠬᠦᠷᠭᠡᠯᠳᠡ ᠶᠢᠨ ᠲᠦᠪ ᠪᠠᠶᠢᠭᠤᠯᠵᠣ᠂ ᠪᠣᠳᠠᠰ ᠤᠨ ᠭᠦᠢᠯᠭᠡᠭᠡᠨ ᠤ ᠮᠡᠳᠡᠭᠡ ᠵᠠᠩᠬᠢ ᠤᠨ | ᠲᠠᠪᠴᠠᠩ ᠪᠠᠶᠢᠭᠤᠯᠣᠨ᠂ ᠲᠣᠬᠠᠢ ᠶᠢᠨ ᠵᠢᠯ ᠲᠤ ᠰᠢᠨ᠎ᠠ ᠪᠠᠷ ᠨᠡᠮᠡᠭᠳᠡᠭᠰᠡᠨ ᠲᠦᠬᠦᠭᠡᠷᠦᠮᠵᠢ᠂ ᠵᠦᠭᠡᠯᠡᠨ ᠲᠣᠨᠤᠭ | ᠵᠡᠷᠭᠡ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 50 ᠲᠦᠮᠡᠨ ᠲᠦᠭᠦᠷᠢᠭ ᠠᠴᠠ ᠲᠠᠪᠠᠭᠰᠠᠨ ᠮᠦᠷᠳᠡᠭᠡᠨ | ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ ᠦᠷᠳᠡᠭᠡ᠂ ᠮᠠᠯ ᠲᠠᠷᠢᠶᠠᠯᠠᠩ | ᠤᠨ ᠣᠶᠢᠯᠠᠰ ᠤᠨ ᠬᠤᠷᠰᠢᠶᠠᠵᠢᠯ᠂ ᠲᠠᠷᠢᠵᠣ ᠲᠡᠵᠢᠭᠡᠬᠦ ᠡᠷᠦᠭᠡ ᠳᠤ ᠬᠦᠮᠦᠷᠭᠡᠯᠡᠯᠳᠡ ᠪᠣᠳᠠᠰ ᠤᠨ ᠭᠦᠢᠯᠭᠡᠭᠡᠨ ᠤ | ᠬᠦᠷᠭᠡᠯᠳᠡ ᠬᠠᠩᠭᠠᠭᠰᠠᠨ ᠠᠵᠣ ᠠᠬᠤᠶᠢᠯᠠᠯ ᠢ ᠨᠢᠭᠡᠯᠡ ᠣᠳᠠᠭ᠎ᠠ ᠪᠠᠷ 20 ᠲᠦᠮᠡᠨ ᠲᠦᠭᠦᠷᠢᠭ ᠢᠶᠠᠷ ᠱᠠᠩᠨᠠᠨ᠎ᠠ᠃ | ᠰᠦᠯᠵᠢᠶᠡᠨ ᠬᠤᠳᠠᠯᠳᠣᠭᠠᠨ ᠤ ᠪᠣᠳᠠᠰ ᠤᠨ ᠭᠦᠢᠯᠭᠡᠭᠡᠨ ᠤ ᠬᠦᠮᠦᠷᠭᠡᠯᠡᠯᠳᠡ ᠬᠤᠪᠢᠶᠠᠨ ᠢᠯᠭᠠᠬᠤ ᠲᠦᠪ ᠤᠨ | ᠲᠦᠷᠦᠯ ᠵᠣᠶᠢᠯ ᠤᠨ ᠪᠠᠶᠢᠭᠤᠯᠣᠯᠳᠠ ᠶᠢᠨ ᠬᠡᠷᠡᠭᠵᠢᠭᠦᠯᠦᠯᠳᠡ ᠶᠢ ᠲᠦᠷᠭᠡᠳᠬᠡᠨ᠂ ︽ᠰᠦᠯᠵᠶᠡᠨ ᠪᠣᠷᠣᠯᠠᠭᠤᠯᠭ᠎ᠠ᠂ | ᠪᠣᠳᠠᠰ ᠤᠨ ᠭᠦᠢᠯᠭᠡᠭᠡ︾ ᠲᠦᠯᠦᠪᠵᠢᠭᠦᠯᠭᠡ ᠶᠢᠨ ᠠᠵᠢᠯᠯᠠᠮᠵᠢ ᠶᠢᠨ ᠵᠠᠭᠪᠣᠷ ᠢᠶᠠᠷ ᠦᠪᠡᠷᠳᠡᠭᠡᠨ ᠪᠠᠶᠢᠭᠤᠯᠣᠭᠰᠠᠨ | ᠬᠦᠮᠦᠷᠭᠡ ᠶᠢᠨ ᠪᠠᠷᠢᠯᠭ᠎ᠠ ᠶᠢᠨ ᠲᠠᠯᠠᠪᠠᠢ 500 ᠲᠡᠭᠰᠢ ᠲᠦᠷᠪᠡᠯᠵᠢᠨ ᠮᠧᠲᠷ ᠠᠴᠠ ᠲᠠᠪᠠᠭᠰᠠᠨ ᠰᠦᠯᠵᠢᠶᠡᠨ | ᠬᠤᠳᠠᠯᠳᠣᠭᠠᠨ ᠤ ᠠᠵᠣ ᠠᠬᠤᠶᠢᠯᠠᠯ ᠳᠤ ᠨᠢᠭᠡᠯᠡ ᠣᠳᠠᠭ᠎ᠠ ᠪᠠᠷ 50 ᠲᠦᠮᠡᠨ ᠲᠦᠭᠦᠷᠢᠭ ᠤᠨ ᠰᠠᠭᠤᠷᠢ | ᠲᠦᠬᠦᠭᠡᠷᠦᠮᠵᠢ ᠶᠢᠨ ᠨᠦᠬᠦᠪᠦᠷᠢ ᠮᠦᠩᠭᠦ ᠣᠯᠭᠤᠨ᠎ᠠ᠃ ᠪᠣᠳᠠᠰ ᠤᠨ ᠭᠦᠢᠯᠭᠡᠭᠡᠨ ᠤ ᠲᠣᠬᠢᠷᠠᠭᠤᠯᠣᠨ ᠬᠦᠷᠭᠡᠬᠦ ᠠᠵᠣ | ᠠᠬᠤᠶᠢᠯᠠᠯ ᠪᠣᠯᠣᠨ ᠲᠦᠷᠭᠡᠨ ᠬᠦᠷᠭᠡᠯᠳᠡ ᠶᠢᠨ ᠺᠣᠮᠫᠠᠨᠢ ᠭᠠᠴᠠᠭ᠎ᠠ ᠲᠣᠰᠬᠤᠨ ᠳᠤ ᠲᠠᠮᠵᠢᠭᠤᠯᠬᠤ ᠦᠷᠳᠡᠭᠡ | ᠪᠠᠶᠢᠭᠤᠯᠬᠤ ᠶᠢ ᠵᠣᠷᠢᠭᠵᠢᠭᠤᠯᠵᠣ᠂ 15 ᠠᠴᠠ ᠲᠡᠭᠡᠭᠰᠢ ᠪᠠᠶᠢᠭᠤᠯᠪᠠᠯ᠂ ᠨᠢᠭᠡᠯᠡ ᠣᠳᠠᠭ᠎ᠠ ᠪᠠᠷ 5 ᠲᠦᠮᠡᠨ | ᠲᠦᠭᠦᠷᠢᠭ ᠢᠶᠠᠷ ᠱᠠᠩᠨᠠᠨ᠎ᠠ︔ ᠲᠠᠮᠵᠢᠭᠤᠯᠬᠤ ᠦᠷᠳᠡᠭᠡ 25 ᠠᠴᠠ ᠲᠠᠪᠠᠪᠠᠯ ᠨᠢᠭᠡᠯᠡ ᠣᠳᠠᠭ᠎ᠠ ᠪᠠᠷ 10 ᠲᠦᠮᠡᠨ | ᠲᠦᠭᠦᠷᠢᠭ ᠢᠶᠠᠷ ᠱᠠᠩᠨᠠᠨ ᠬᠦᠬᠢᠭᠦᠯᠦᠨ᠎ᠡ᠃ ᠲᠠᠮᠵᠢᠭᠤᠯᠬᠤ ᠦᠷᠳᠡᠭᠡᠨ ᠤ ᠣᠶᠢᠯᠡᠴᠢᠯᠡᠭᠡ 80% ᠠᠴᠠ ᠲᠡᠭᠡᠭᠰᠢᠬᠢ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢ ᠬᠠᠮᠣᠷᠪᠠᠯ᠂ ᠵᠢᠯ ᠪᠣᠯᠭᠠᠨ ᠲᠠᠮᠵᠢᠭᠤᠯᠬᠤ ᠦᠷᠳᠡᠭᠡ ᠪᠦᠷᠢ ᠳᠤ | ᠠᠵᠢᠯᠯᠠᠮᠵᠢ ᠡᠵᠡᠩᠨᠡᠯᠳᠡ ᠬᠠᠮᠢᠶᠠᠷᠣᠯᠳᠠ ᠶᠢᠨ ᠵᠠᠷᠣᠳᠠᠯ 2 ᠲᠦᠮᠡᠨ ᠲᠦᠬᠦᠷᠢᠭ ᠨᠦᠬᠦᠪᠦᠷᠢᠯᠡᠨ᠎ᠠ᠃ | ︵ᠠᠷᠪᠠᠨ ᠨᠢᠭᠡ︶ ᠰᠦᠯᠵᠢᠶᠠᠨ ᠬᠤᠳᠠᠯᠳᠣᠭᠠᠨ ᠤ ᠲᠠᠭᠤᠷᠢᠶᠠᠯ ᠤᠨ ᠪᠠᠶᠢᠭᠤᠯᠣᠯᠳᠠ ᠶᠢ ᠦᠷᠨᠢᠭᠦᠯᠦᠨ᠎ᠡ᠃ | ᠢᠳᠡᠪᠬᠢᠳᠡᠢ ᠪᠠᠷ ᠣᠯᠣᠰ᠂ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠰᠦᠯᠵᠢᠶᠠᠨ ᠬᠤᠳᠠᠯᠳᠣᠭᠠᠨ ᠤ | ᠬᠦᠭᠵᠢᠯᠳᠡ ᠶᠢ ᠲᠡᠳᠬᠦᠬᠦ ᠬᠠᠮᠢᠶ᠎ᠠ ᠪᠦᠬᠦᠢ ᠲᠦᠷᠦᠯ ᠵᠣᠶᠢᠯ ᠢ ᠣᠯᠵᠣ᠂ ᠡᠯ᠎ᠡ ᠲᠦᠷᠦᠯ ᠤᠨ ᠲᠡᠮᠵᠢᠯᠭᠡ ᠶᠢᠨ ᠪᠡᠯᠡ | ᠮᠦᠩᠭᠦ ᠶᠢ ᠠᠮᠢᠳᠣᠯᠢᠭ ᠭᠦᠢᠴᠡᠳ ᠠᠰᠢᠭᠯᠠᠨ᠂ ᠰᠦᠯᠵᠢᠶᠠᠨ ᠬᠤᠳᠠᠯᠳᠤᠭ᠎ᠠ ᠶᠢ ᠬᠦᠳᠡᠭᠡ ᠲᠣᠰᠬᠤᠨ ᠳᠤ | ᠣᠷᠣᠭᠤᠯᠣᠭᠰᠠᠨ ᠣᠯᠣᠰ ᠤᠨ ᠲᠡᠰ ᠤᠨ ᠲᠠᠭᠤᠷᠢᠶᠠᠯ ᠬᠤᠰᠢᠭᠤ ᠰᠢᠶᠠᠨ ᠪᠣᠯᠭᠠᠨ ᠴᠣᠭᠴᠠᠯᠠᠨ᠎ᠠ᠃ ᠡᠬᠦᠨ ᠤ | ᠬᠠᠮᠳᠦ᠂ ᠪᠦᠬᠦ ᠬᠤᠰᠢᠭᠤᠨ ᠤ ᠰᠦᠯᠵᠢᠶᠠᠨ ᠬᠤᠳᠠᠯᠳᠣᠭᠠᠨ ᠤ ᠠᠵᠣ ᠣᠶᠢᠯᠠᠰ ᠲᠤ ︽ᠭᠤᠷᠪᠠᠨ ᠨᠡᠷᠡᠳᠦ | ᠢᠨᠵᠧᠨᠧᠷᠢᠩ︾ ᠤᠨ ᠠᠵᠢᠯᠯᠠᠭ᠎ᠠ ᠶᠢ ᠦᠷᠨᠢᠭᠦᠯᠦᠨ᠂ ᠨᠡᠷᠡᠳᠦ ᠠᠵᠣ ᠠᠬᠤᠶᠢᠯᠠᠯ᠂ ᠨᠡᠷᠡᠳᠦ ᠰᠦᠯᠵᠢᠶ᠎ᠡ᠂ ᠨᠡᠷᠡᠳᠦ | ᠬᠦᠮᠦᠨ ᠬᠦᠮᠦᠵᠢᠭᠦᠯᠵᠣ᠂ ᠨᠡᠶᠢᠭᠡᠮ ᠤᠨ ᠡᠯ᠎ᠡ ᠡᠳᠡᠭᠡᠳ ᠤᠨ ᠣᠷᠣᠯᠴᠠᠨ ᠲᠡᠮᠵᠢᠭᠦ ᠢᠳᠡᠪᠬᠢᠵᠢᠯ ᠢ | ᠲᠡᠭᠡᠭᠰᠢᠯᠡᠭᠦᠯᠦᠨ᠎ᠡ᠃ ᠵᠢᠯ ᠪᠣᠯᠭᠠᠨ ᠬᠤᠰᠢᠭᠤᠨ ᠤ ᠬᠡᠪᠴᠢᠶᠡᠨ ᠳᠤ ︽ᠣᠳᠤᠭ ᠤᠨ ᠡᠮᠦᠨᠡᠳᠦ ᠬᠤᠰᠢᠭᠤᠨ ᠤ | ᠰᠦᠯᠵᠢᠶᠡᠨ ᠠᠵᠣ ᠠᠬᠤᠢ ᠶᠢᠨ ᠲᠠᠭᠤᠷᠢᠶᠠᠯ ᠠᠵᠣ ᠠᠬᠤᠶᠢᠯᠠᠯ ︵1︶︾᠂ ︽ᠣᠳᠤᠭ ᠤᠨ ᠡᠮᠦᠨᠡᠳᠦ ᠬᠤᠰᠢᠭᠤᠨ | ᠤ ᠰᠦᠯᠵᠢᠶᠡᠨ ᠠᠵᠣ ᠠᠬᠤᠢ ᠶᠢᠨ ᠨᠡᠷᠡᠳᠦ ᠰᠦᠯᠵᠢᠶᠡᠨ ᠦᠷᠳᠡᠭᠡ ︵1︶︾ ᠪᠣᠯᠣᠨ ︽ᠣᠳᠤᠭ ᠤᠨ ᠡᠮᠦᠨᠡᠳᠦ | ᠬᠤᠰᠢᠭᠤᠨ ᠤ ᠰᠦᠯᠵᠢᠶᠡᠨ ᠠᠵᠣ ᠠᠬᠤᠢ ᠶᠢᠨ ᠲᠡᠳᠬᠦᠯᠳᠡᠨ ︵1︶︾ ᠢ ᠰᠣᠩᠭᠤᠨ ᠱᠠᠩᠨᠠᠨ ᠬᠦᠬᠢᠭᠦᠯᠬᠦ | ᠠᠵᠢᠯᠯᠠᠭ᠎ᠠ ᠦᠷᠨᠢᠭᠦᠯᠦᠨ᠎ᠡ᠃ ︽ᠲᠠᠭᠤᠷᠢᠶᠠᠯ ᠠᠵᠣ ᠠᠬᠤᠶᠢᠯᠠᠯ︾᠂ ︽ᠨᠡᠷᠡᠳᠦ ᠰᠦᠯᠵᠢᠶᠡᠨ ᠦᠷᠳᠡᠭᠡ︾ ᠪᠣᠯᠣᠨ | ︽ᠰᠦᠯᠵᠢᠶᠡᠨ ᠠᠵᠣ ᠠᠬᠤᠢ ᠶᠢᠨ ᠲᠡᠳᠬᠦᠯᠳᠡᠨ︾ ᠢ ᠲᠣᠰ ᠪᠦᠷᠢ 10 ᠲᠦᠮᠡᠨ ᠲᠦᠭᠦᠷᠢᠭ ᠢᠶᠠᠷ ᠱᠠᠩᠨᠠᠨ᠎ᠠ᠃ | ᠰᠦᠯᠵᠢᠶᠠᠨ ᠬᠤᠳᠠᠯᠳᠣᠭᠠᠨ ᠤ ᠠᠵᠣ ᠠᠬᠤᠶᠢᠯᠠᠯ ᠣᠯᠣᠰ᠂ ᠣᠷᠣᠨ᠂ ᠬᠤᠳᠠ ᠶᠢᠨ ᠲᠡᠰ ᠤᠨ ᠶᠡᠷᠦᠩᠭᠡᠶᠢᠯᠡᠭᠰᠡᠨ | ᠰᠢᠯᠭᠠᠨ ᠲᠣᠭᠳᠠᠭᠠᠯᠳᠠ ᠳᠤ ᠢᠷᠠᠭᠤ ᠠᠯᠳᠠᠷ ᠤᠨ ᠴᠣᠯᠠ ᠣᠯᠪᠠᠯ᠂ ᠨᠢᠭᠡᠯᠡ ᠣᠳᠠᠭ᠎ᠠ ᠪᠠᠷ 100 ᠲᠦᠮᠡ᠂ 30 | ᠲᠦᠮᠡ᠂ 10 ᠲᠦᠮᠡᠨ ᠲᠦᠭᠦᠷᠢᠭ ᠢᠶᠠᠷ ᠱᠠᠩᠨᠠᠨ᠎ᠠ᠃ | ︵ᠠᠷᠪᠠᠨ ᠬᠤᠶᠠᠷ︶ ᠰᠦᠯᠵᠢᠶᠡᠨ ᠬᠤᠳᠠᠯᠳᠣᠭᠠᠨ ᠤ ᠴᠢᠳᠠᠪᠦᠷᠢᠳᠠᠳ ᠤᠨ ᠰᠢᠰᠲ᠋ᠧᠮ ᠤᠨ ᠪᠠᠶᠢᠭᠤᠯᠣᠯᠳᠠ ᠶᠢ | ᠲᠦᠷᠭᠡᠳᠬᠡᠨ᠎ᠡ᠃ ᠵᠢᠯ ᠪᠣᠯᠭᠠᠨ ᠨᠡᠷᠡᠳᠦ ᠲᠣᠰᠬᠠᠢ ᠮᠡᠷᠭᠡᠵᠢᠯᠳᠡᠨ ᠣᠷᠢᠵᠣ ᠮᠠᠨ ᠤ ᠬᠤᠰᠢᠭᠤᠨ ᠤ ᠵᠢᠭᠤᠯᠴᠢᠯᠠᠯ᠂ | ᠮᠠᠯ ᠲᠠᠷᠢᠶᠠᠯᠠᠩ ᠤᠨ ᠣᠨᠴᠠ ᠭᠠᠷᠣᠯᠳᠠ᠂ ᠠᠵᠣ ᠣᠶᠢᠯᠠᠳᠪᠦᠷᠢ ᠶᠢᠨ ᠣᠨᠴᠠᠯᠢᠭᠳᠦ ᠣᠶᠢᠯᠡᠳᠬᠦᠨ ᠵᠡᠷᠭᠡ ᠠᠵᠢᠯ | ᠲᠦᠷᠦᠯ ᠤᠨ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠳᠤ ᠲᠣᠰᠬᠠᠢ ᠪᠣᠯᠪᠠᠰᠣᠷᠠᠯ ᠬᠦᠷᠳᠡᠭᠡᠨ᠎ᠡ᠃ | ᠭᠤᠣᠯᠳᠠᠯᠭᠠᠳᠦ ᠬᠠᠷᠠᠯᠳᠠ ᠪᠠᠨ ᠮᠠᠯᠵᠢᠬᠤ ᠲᠠᠷᠢᠶᠠᠯᠠᠬᠤ ᠣᠷᠣᠨ ᠤ ᠵᠠᠯᠠᠭᠤ ᠣᠶᠢᠯᠠᠰ ᠪᠣᠰᠬᠠᠭᠴᠢᠳ᠂ ᠬᠤᠳᠠ | ᠪᠠᠯᠭᠠᠰᠦ ᠶᠢᠨ ᠠᠵᠢᠯ ᠠᠯᠳᠠᠭᠰᠠᠨ ᠵᠠᠯᠠᠭᠤᠴᠣᠳ᠂ ᠵᠠᠯᠠᠭᠤᠴᠣᠳ ᠣᠶᠣᠳᠠᠳ ᠪᠣᠯᠣᠨ ᠣᠶᠢᠯᠠᠳᠪᠦᠷᠢᠯᠠᠯ᠂ | ᠭᠦᠢᠯᠭᠡᠭᠡ ᠶᠢᠨ ᠬᠦᠷᠢᠶ᠎ᠠ ᠴᠠᠷᠠᠭᠠᠨ ᠤ ᠠᠵᠣ ᠠᠬᠤᠶᠢᠯᠠᠯ ᠤᠨ ᠬᠠᠷᠢᠭᠤᠴᠠᠯᠭᠠᠳᠠᠨ ᠳᠤ ᠭᠤᠣᠯᠳᠠᠭᠤᠯᠣᠨ ᠲᠣᠰᠬᠠᠢ | ᠮᠡᠷᠭᠡᠵᠢᠯ ᠤᠨ ᠪᠣᠯᠪᠠᠰᠣᠷᠠᠯ ᠬᠦᠷᠳᠡᠭᠡᠵᠣ᠂ ᠰᠦᠯᠵᠢᠶᠡᠨ ᠡᠵᠡᠩᠨᠡᠯᠳᠡ ᠶᠢᠨ ᠴᠢᠳᠠᠪᠦᠷᠢᠳᠠᠳ ᠢ ᠬᠦᠮᠦᠵᠢᠭᠦᠯᠦᠨ᠎ᠡ᠃ | ᠠᠵᠢᠯ ᠲᠦᠷᠦᠯ ᠤᠨ ᠨᠡᠶᠢᠭᠡᠮᠯᠢᠭ᠂ ᠨᠡᠶᠢᠭᠡᠮ ᠤᠨ ᠪᠣᠯᠪᠠᠰᠣᠷᠠᠯ ᠤᠨ ᠪᠠᠶᠢᠭᠤᠯᠣᠮᠵᠢ᠂ ᠰᠦᠯᠵᠢᠶᠡᠨ ᠬᠤᠳᠠᠯᠳᠣᠭᠠᠨ ᠤ | ᠠᠵᠣ ᠠᠬᠤᠶᠢᠯᠠᠯ᠂ ᠠᠵᠢᠯᠯᠠᠮᠵᠢ ᠡᠵᠡᠩᠨᠡᠯᠳᠡ ᠶᠢᠨ ᠣᠶᠢᠯᠡᠴᠢᠯᠡᠭᠡᠨ ᠤ ᠪᠠᠶᠢᠭᠤᠯᠣᠮᠵᠢ ᠵᠡᠷᠭᠡ ᠠᠴᠠ ᠰᠦᠯᠵᠢᠶᠡᠨ | ᠬᠤᠳᠠᠯᠳᠣᠭᠠᠨ ᠤ ᠬᠡᠷᠡᠭᠯᠡᠭᠡᠨ ᠤ ᠲᠡᠭᠡᠳᠦ ᠬᠠᠮᠢᠶᠠᠷᠣᠯᠳᠠ ᠶᠢᠨ ᠪᠣᠯᠪᠠᠰᠣᠷᠠᠯ ᠪᠠ ᠰᠠᠭᠤᠷᠢ ᠬᠡᠷᠡᠭᠯᠡᠭᠡᠨ ᠤ ᠪᠣᠯᠪᠠᠰᠣᠷᠠᠯ | ᠦᠷᠨᠢᠭᠦᠯᠬᠦ ᠶᠢ ᠵᠣᠷᠢᠭᠵᠢᠭᠤᠯᠣᠨ᠂ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠴᠣᠬᠤᠯᠠᠪᠦᠷᠢᠯᠠᠭᠰᠠᠨ | ᠪᠣᠯᠪᠠᠰᠣᠷᠠᠯ ᠤᠨ ᠠᠭᠤᠯᠭ᠎ᠠ ᠵᠢᠴᠢ ᠲᠦᠷᠦᠯ ᠵᠣᠶᠢᠯ ᠳᠤ ᠨᠦᠬᠦᠪᠦᠷᠢ ᠣᠯᠭᠤᠨ᠂ ᠨᠦᠬᠦᠪᠦᠷᠢ ᠶᠢ ᠬᠦᠮᠦᠨ ᠪᠦᠷᠢ | ᠣᠳᠠᠭ᠎ᠠ ᠪᠣᠯᠭᠠᠨ 200 ᠲᠦᠭᠦᠷᠢᠭ ᠢᠶᠠᠷ ᠪᠠᠷᠢᠮᠵᠢᠶ᠎ᠠ ᠪᠣᠯᠭᠠᠨ᠎ᠠ᠃ ᠵᠠᠰᠠᠭ ᠣᠷᠳᠣᠨ ᠵᠢᠯ ᠪᠣᠯᠭᠠᠨ 50 ᠲᠦᠮᠡᠨ | ᠲᠦᠬᠦᠷᠢᠭ ᠵᠠᠷᠣᠴᠠᠭᠤᠯᠣᠨ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠮᠠᠯᠴᠢᠨ ᠲᠠᠷᠢᠶᠠᠴᠢᠨ ᠤ ᠠᠵᠢᠯ | ᠪᠣᠶᠣ ᠰᠦᠯᠵᠢᠶᠡᠨ ᠬᠤᠳᠠᠯᠳᠣᠭᠠᠨ ᠤ ᠣᠯᠣᠰ ᠤᠨ ᠨᠡᠷᠡᠳᠦ ᠮᠡᠷᠭᠡᠵᠢᠯᠳᠡᠨ ᠢ ᠣᠷᠢᠵᠣ ᠰᠦᠯᠵᠢᠶᠡᠨ ᠬᠤᠳᠠᠯᠳᠣᠭᠠᠨ ᠤ | ᠬᠦᠭᠵᠢᠯᠳᠡ ᠤᠨ ᠣᠶᠢᠯᠠᠰ ᠤᠨ ᠵᠦᠪᠯᠡᠭᠴᠢ ᠪᠣᠯᠭᠠᠨ᠎ᠠ᠃ | ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠣᠶᠣᠳᠠᠳ ᠲᠤ ᠠᠵᠢᠯ ᠣᠯᠭᠤᠵᠣ᠂ ᠨᠢᠭᠡ ᠵᠢᠯ ᠠᠴᠠ | ᠲᠡᠭᠡᠭᠰᠢ ᠬᠦᠳᠡᠯᠮᠦᠷᠢ ᠶᠢᠨ ᠭᠡᠷ᠎ᠡ ᠲᠣᠭᠳᠠᠵᠣ ᠭᠡᠷ᠎ᠡ ᠪᠠᠨ ᠭᠦᠢᠴᠡᠳᠬᠡᠬᠦ ᠶᠢᠨ ᠬᠠᠮᠳᠦ ᠣᠶᠣᠳᠠᠳ ᠢ ᠨᠡᠶᠢᠭᠡᠮ ᠤᠨ | ᠲᠠᠭᠠᠳᠬᠠᠯ ᠳᠤ ᠣᠷᠣᠭᠤᠯᠪᠠᠯ᠂ ᠠᠵᠣ ᠠᠬᠤᠶᠢᠯᠠᠯ ᠢ ᠨᠢᠭᠡᠯᠡ ᠣᠳᠠᠭ᠎ᠠ ᠳᠤ ᠬᠦᠮᠦᠨ ᠲᠣᠳᠣᠮ 2000 ᠲᠦᠭᠦᠷᠢᠭ | ᠤᠨ ᠪᠠᠷᠢᠮᠵᠢᠶ᠎ᠠ ᠪᠠᠷ ᠱᠠᠩᠨᠠᠨ ᠬᠦᠬᠢᠭᠦᠯᠵᠣ ︵ᠡᠮᠡᠭᠳᠡᠢ ᠣᠶᠣᠳᠠᠳ ᠪᠣᠯ ᠬᠦᠮᠦᠨ ᠲᠣᠳᠣᠮ 3000 ᠲᠦᠭᠦᠷᠢᠭ ᠤᠨ | ᠪᠠᠷᠢᠮᠵᠢᠶ᠎ᠠ ᠪᠠᠷ ᠱᠠᠩᠨᠠᠨ᠎ᠠ︶᠂ ᠱᠠᠩᠨᠠᠨ ᠬᠦᠬᠢᠭᠦᠯᠬᠦ ᠬᠦᠮᠦᠨ ᠤ ᠲᠤᠭ᠎ᠠ 20 ᠠᠴᠠ ᠬᠡᠳᠦᠷᠡᠵᠣ ᠪᠣᠯᠬᠤ ᠦᠭᠡᠢ᠃ | ︵ᠠᠷᠪᠠᠨ ᠭᠤᠷᠪᠠ︶ ᠮᠦᠩᠭᠦᠨ ᠭᠦᠢᠯᠭᠡᠭᠡᠨ ᠤ ᠲᠠᠮ ᠬᠦᠣ ᠲᠠᠢ ᠵᠢᠭᠡᠯᠡᠯᠭᠡ ᠶᠢᠨ ᠲᠡᠮᠵᠢᠯᠭᠡ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠲᠡᠮᠵᠢᠯᠭᠡ ᠪᠠᠷ ᠣᠳᠣᠷᠢᠳᠣᠮᠵᠢ ᠪᠣᠯᠭᠠᠨ᠂ ᠠᠵᠣ ᠠᠬᠤᠶᠢᠯᠠᠯ ᠪᠡᠯᠡ | ᠣᠷᠣᠭᠤᠯᠬᠤ ᠪᠠᠷ ᠭᠤᠣᠯ ᠪᠣᠯᠭᠠᠵᠣ᠂ ᠪᠣᠰᠣᠳ ᠪᠡᠯᠡ ᠣᠷᠣᠭᠤᠯᠣᠯᠳᠠ ᠪᠠᠷ ᠨᠦᠬᠦᠪᠦᠷᠢ ᠪᠣᠯᠭᠠᠭᠰᠠᠨ᠂ ᠰᠦᠯᠵᠢᠶᠡᠨ | ᠬᠤᠳᠠᠯᠳᠣᠭᠠᠨ ᠤ ᠬᠦᠭᠵᠢᠯᠳᠡ ᠳᠤ ᠣᠯᠠᠨ ᠠᠷᠭ᠎ᠠ ᠵᠠᠮ ᠢᠶᠠᠷ ᠪᠡᠯᠡ ᠣᠷᠣᠭᠤᠯᠬᠤ ᠲᠣᠭᠳᠠᠴᠠ ᠶᠢ ᠪᠠᠶᠢᠭᠤᠯᠣᠨ᠎ᠠ᠃ | ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠠᠵᠣ ᠠᠬᠤᠶᠢᠯᠠᠯ ᠤᠳ ᠤᠨ ᠡᠯ᠎ᠡ ᠲᠦᠷᠦᠯ ᠤᠨ | ᠴᠣᠬᠤᠯᠠᠪᠦᠷᠢᠯᠠᠯᠳᠠ ᠶᠢᠨ ᠭᠠᠷ ᠭᠦᠢᠴᠡᠳᠭᠡᠯ ᠪᠦᠷᠢᠨ᠂ ᠲᠣᠭᠳᠠᠭᠰᠠᠨ ᠡᠵᠡᠩᠨᠡᠯᠳᠡ ᠶᠢᠨ ᠲᠠᠯᠠᠪᠠᠢ ᠲᠠᠢ᠂ | ᠲᠣᠬᠠᠶᠢᠯᠠᠭᠰᠠᠨ ᠠᠵᠢᠯ ᠢᠶᠠᠨ ᠪᠦᠬᠦ ᠲᠠᠯ᠎ᠠ ᠪᠠᠷ ᠦᠷᠨᠢᠭᠦᠯᠵᠣ᠂ ᠬᠢᠨᠠᠨ ᠰᠢᠯᠭᠠᠯᠳᠠ ᠪᠠᠷ ᠬᠡᠪ ᠤᠨ ᠠᠵᠢᠯᠯᠠᠮᠵᠢ | ᠡᠵᠡᠩᠨᠡᠯᠳᠡ 1 ᠵᠢᠯ ᠠᠴᠠ ᠲᠡᠭᠡᠭᠰᠢ ᠪᠣᠯᠣᠭᠰᠠᠨ ᠠᠵᠣ ᠠᠬᠤᠶᠢᠯᠠᠯ ᠪᠦᠬᠦᠨ ᠳᠤ ᠵᠠᠰᠠᠭ ᠤᠨ ᠣᠷᠳᠣᠨ ᠠᠴᠠ 20 | ᠲᠦᠮᠡᠨ ᠲᠦᠭᠦᠷᠢᠭ ᠤᠨ ᠬᠦᠣ ᠮᠦᠩᠭᠦ ᠦᠭᠡᠢ ᠡᠷᠬᠢᠯᠳᠡᠳᠦ ᠪᠡᠯᠡ ᠮᠦᠩᠭᠦ ᠣᠯᠭᠤᠵᠣ᠂ ᠨᠢᠭᠡ ᠵᠢᠯ ᠳᠤ ᠨᠢᠭᠡ | ᠣᠳᠠᠭ᠎ᠠ ᠪᠣᠴᠠᠭᠠᠨ᠎ᠠ᠃ ᠲᠦᠷᠦᠯ ᠵᠣᠶᠢᠯ ᠤᠨ ᠠᠵᠢᠯᠯᠠᠮᠵᠢ ᠶᠢᠨ ᠪᠠᠶᠢᠳᠠᠯ ᠢ ᠦᠨᠳᠦᠰᠦᠯᠡᠨ ᠲᠠᠬᠢᠨ ᠭᠤᠶᠣᠪᠴᠢᠯᠠᠵᠣ | ᠂ ᠲᠠᠬᠢᠨ ᠲᠡᠮᠵᠢᠵᠣ ᠪᠣᠯᠣᠨ᠎ᠠ᠃ ᠡᠬᠦᠨ ᠤ ᠬᠠᠮᠳᠦ᠂ ᠡᠯ᠎ᠡ ᠮᠦᠩᠭᠦᠨ ᠭᠦᠢᠯᠭᠡᠭᠡᠨ ᠪᠠᠶᠢᠭᠤᠯᠣᠮᠵᠢ ᠰᠦᠯᠵᠢᠶᠡᠨ | ᠬᠤᠳᠠᠯᠳᠣᠭᠠᠨ ᠤ ᠠᠵᠣ ᠠᠬᠤᠶᠢᠯᠠᠯ ᠳᠤ ᠵᠢᠭᠡᠯᠡᠯᠭᠡ ᠶᠢᠨ ᠣᠶᠢᠯᠡᠴᠢᠯᠡᠭᠡ ᠬᠠᠩᠭᠠᠬᠤ ᠶᠢ ᠵᠣᠷᠢᠭᠵᠢᠭᠤᠯᠵᠣ᠂ ᠡᠯ᠎ᠡ | ᠲᠦᠷᠦᠯ ᠤᠨ ᠵᠢᠭᠡᠯᠡᠯᠭᠡ ᠶᠢᠨ ᠪᠠᠳᠣᠯᠠᠭ᠎ᠠ ᠶᠢᠨ ᠪᠠᠶᠢᠭᠤᠯᠣᠮᠵᠢ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠳᠤ | ᠬᠡᠯᠪᠡᠶᠢᠭᠦᠣ ᠲᠦᠷᠦ ᠶᠢᠨ ᠪᠣᠳᠣᠯᠭ᠎ᠠ᠂ ᠲᠣᠬᠠᠶᠢᠯᠠᠭᠰᠠᠨ ᠠᠵᠢᠯ ᠤᠨ ᠦᠷᠭᠡᠳᠬᠡᠯ ᠬᠢᠬᠦ ᠶᠢ ᠢᠳᠡᠪᠬᠢᠳᠡᠢ | ᠵᠢᠯᠣᠭᠤᠳᠣᠨ᠂ ᠵᠠᠰᠠᠭ ᠤᠨ ᠣᠷᠳᠣᠨ ᠠᠴᠠ ᠰᠦᠯᠵᠢᠶᠠᠨ ᠬᠤᠳᠠᠯᠳᠣᠭᠠᠨ ᠤ ᠠᠵᠣ ᠣᠶᠢᠯᠠᠰ ᠤᠨ ᠠᠵᠣ ᠠᠬᠤᠶᠢᠯᠠᠯ | ᠪᠣᠯᠣᠨ ᠬᠤᠪᠢ ᠬᠦᠮᠦᠨ ᠳᠤ 5 — 50 ᠲᠦᠮᠡᠨ ᠲᠦᠭᠦᠷᠢᠭ ᠤᠨ ᠮᠦᠩᠭᠦᠨ ᠭᠦᠢᠯᠭᠡᠭᠡᠨ ᠤ ᠲᠠᠮ ᠬᠦᠣ ᠲᠠᠢ | ᠵᠢᠭᠡᠯᠡᠯᠭᠡ ᠶᠢᠨ ᠲᠡᠮᠵᠢᠯᠭᠡ ᠬᠠᠩᠭᠠᠵᠣ᠂ ᠵᠢᠭᠡᠯᠡᠯᠭᠡ ᠶᠢ ᠰᠦᠯᠵᠢᠶᠡᠨ ᠬᠤᠳᠠᠯᠳᠣᠭᠠᠨ ᠤ ᠬᠦᠭᠵᠢᠯᠳᠡ ᠳᠤ ᠬᠡᠷᠡᠭᠯᠡᠨ᠂ | ᠵᠠᠰᠠᠭ ᠣᠷᠳᠣᠨ ᠪᠦᠬᠦ ᠬᠦᠣ ᠮᠦᠩᠭᠦ ᠶᠢ ᠨᠢ ᠣᠷᠣᠯᠠᠨ ᠦᠩᠭᠦᠨᠡ᠃ | ᠲᠡᠭᠡᠷᠡᠬᠢ ᠬᠠᠷᠠᠭᠠᠯᠵᠠᠯ ᠪᠠ ᠬᠦᠬᠢᠭᠦᠯᠦᠯ ᠤᠨ ᠲᠦᠷᠦ ᠶᠢᠨ ᠪᠣᠳᠣᠯᠭ᠎ᠠ ᠶᠢ ᠰᠦᠯᠵᠢᠶᠡᠨ ᠬᠤᠳᠠᠯᠳᠣᠭᠠᠨ ᠤ | ᠠᠵᠣ ᠠᠬᠤᠶᠢᠯᠠᠯ ᠪᠣᠶᠣ ᠬᠤᠪᠢ ᠬᠦᠮᠦᠨ ᠳᠤ ᠠᠳᠠᠯᠢ ᠲᠦᠷᠦᠯ ᠤᠨ ᠲᠦᠷᠦᠯ ᠵᠣᠶᠢᠯ ᠤᠨ ᠬᠠᠮᠤᠭ ᠦᠨᠳᠦᠷ | ᠪᠠᠷᠢᠮᠵᠢᠶ᠎ᠠ ᠪᠠᠷ ᠬᠦᠷᠳᠡᠭᠡᠨ᠂ ᠲᠠᠪᠬᠤᠷᠳᠠᠭᠤᠯᠣᠨ ᠣᠯᠭᠤᠵᠣ ᠪᠣᠯᠬᠤ ᠦᠭᠡᠢ᠃ | ᠲᠦᠷᠪᠡ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠠᠵᠢᠯ ᠤᠨ ᠲᠣᠭᠳᠠᠴᠠ ᠶᠢ ᠪᠠᠶᠢᠭᠤᠯᠣᠨ ᠲᠡᠭᠦᠯᠳᠡᠷᠵᠢᠭᠦᠯᠦᠨ᠎ᠡ᠃ ᠬᠤᠰᠢᠭᠤ ᠵᠠᠰᠠᠭ ᠤᠨ ᠣᠷᠳᠣᠨ | ᠤ ᠲᠠᠷᠤᠭ᠎ᠠ ᠲᠣᠭᠤᠶᠢᠯᠡᠩ ᠤᠨ ᠲᠠᠷᠤᠭ᠎ᠠ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠲᠡᠳ᠋ ᠬᠤᠰᠢᠭᠤ | ᠲᠠᠷᠤᠭ᠎ᠠ ᠪᠠᠶᠢᠩᠭᠤ ᠶᠢᠨ ᠲᠡᠳ᠋ ᠲᠣᠭᠤᠶᠢᠯᠡᠩ ᠤᠨ ᠲᠠᠷᠤᠭ᠎ᠠ ᠪᠣᠯᠵᠣ᠂ ᠬᠠᠮᠢᠶ᠎ᠠ ᠪᠦᠬᠦᠢ ᠣᠳᠣᠷᠢᠳᠣᠯᠭ᠎ᠠ ᠪᠠᠷ ᠲᠡᠳ᠋ | ᠲᠣᠭᠤᠶᠢᠯᠠᠩ ᠤᠨ ᠲᠠᠷᠤᠭ᠎ᠠ ᠪᠣᠯᠭᠠᠵᠣ᠂ ᠡᠯ᠎ᠡ ᠪᠠᠯᠭᠠᠰᠦ᠂ ᠵᠣᠬᠢᠶᠠᠨ ᠪᠠᠶᠢᠭᠤᠯᠬᠤ ᠬᠡᠯᠳᠡᠰ᠂ ᠣᠬᠠᠭᠤᠯᠬᠤ ᠬᠡᠯᠳᠡᠰ᠂ | ᠡᠪᠯᠡᠯ ᠤᠨ ᠬᠤᠷᠢᠶ᠎ᠠ᠂ ᠣᠶᠢᠯᠠᠳᠪᠦᠷᠢ ᠬᠤᠳᠠᠯᠳᠣᠭᠠᠨ ᠤ ᠬᠤᠯᠪᠣᠭ᠎ᠠ᠂ ᠠᠵᠣ ᠠᠬᠤᠢ ᠮᠡᠳᠡᠭᠡ ᠵᠠᠩᠬᠢ ᠶᠢᠨ | ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠠᠵᠢᠯ | ᠣᠯᠭᠤᠯᠳᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠣᠳᠣᠷᠢᠳᠣᠯᠭ᠎ᠠ ᠪᠠᠷ | ᠬᠡᠰᠢᠭᠦᠳ ᠢᠶᠠᠨ ᠪᠣᠯᠭᠠᠭᠰᠠᠨ ᠪᠦᠬᠦ ᠬᠤᠰᠢᠭᠤᠨ ᠤ ᠰᠦᠯᠵᠢᠶᠡᠨ ᠠᠵᠣ ᠠᠬᠤᠢ ᠶᠢᠨ ᠬᠦᠭᠵᠢᠯᠳᠡ ᠶᠢᠨ ᠠᠵᠢᠯ ᠤᠨ | ᠣᠳᠣᠷᠢᠳᠬᠤ ᠲᠣᠭᠤᠶᠢᠯᠡᠩ ᠢ ᠪᠦᠷᠢᠯᠳᠦᠭᠦᠯᠵᠣ᠂ ᠰᠦᠯᠵᠢᠶᠡᠨ ᠬᠤᠳᠠᠯᠳᠣᠭᠠᠨ ᠤ ᠬᠦᠭᠵᠢᠯᠳᠡ ᠶᠢᠨ ᠲᠣᠰᠬᠠᠢ | ᠮᠡᠷᠭᠡᠵᠢᠯᠳᠡᠨ ᠤ ᠬᠦᠮᠦᠷᠭᠡ ᠶᠢ ᠠᠯᠬᠤᠮ ᠠᠯᠬᠤᠮ ᠢᠶᠠᠷ ᠪᠠᠶᠢᠭᠤᠯᠣᠨ᠂ ᠲᠣᠰᠬᠠᠢ ᠮᠡᠷᠭᠡᠵᠢᠯᠳᠡᠨ ᠣᠷᠢᠨ ᠵᠦᠪᠯᠡᠭᠴᠢ | ᠪᠣᠯᠭᠠᠵᠣ᠂ ᠰᠦᠯᠵᠢᠶᠡᠨ ᠬᠤᠳᠠᠯᠳᠣᠭᠠᠨ ᠤ ᠬᠦᠭᠵᠢᠯᠳᠡ ᠶᠢᠨ ᠶᠷᠦᠩᠬᠡᠢ ᠲᠦᠯᠦᠪᠵᠢᠭᠦᠯᠭᠡ ᠶᠢ ᠬᠠᠷᠢᠭᠤᠴᠠᠨ ᠬᠢᠨᠠᠵᠣ | ᠂ ᠰᠦᠯᠵᠢᠶᠡᠨ ᠬᠤᠳᠠᠯᠳᠣᠭᠠᠨ ᠤ ᠬᠦᠭᠵᠢᠯᠳᠡ ᠶᠢᠨ ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠢ ᠰᠣᠳᠣᠯᠣᠨ᠂ | ᠰᠦᠯᠵᠢᠶᠡᠨ ᠬᠤᠳᠠᠯᠳᠣᠭᠠᠨ ᠤ ᠬᠦᠭᠵᠢᠯᠳᠡ ᠶᠢᠨ ᠠᠵᠢᠯ ᠤᠨ ᠴᠢᠬᠤᠯᠠ ᠶᠡᠭᠡ ᠣᠴᠢᠷ ᠢ ᠵᠣᠬᠢᠴᠠᠭᠤᠯᠣᠨ | ᠰᠢᠢᠳᠪᠦᠷᠢᠯᠡᠵᠣ᠂ ᠡᠯ᠎ᠡ ᠰᠠᠯᠠᠭ᠎ᠠ ᠮᠦᠴᠢᠷ ᠢ ᠱᠠᠭᠠᠷᠳᠠᠨ ᠬᠠᠷᠠᠯᠳᠠᠳᠦ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠣᠨ᠎ᠠ᠃ | ᠣᠳᠣᠷᠢᠳᠬᠤ ᠲᠣᠭᠤᠶᠢᠯᠠᠩ ᠤᠨ ᠠᠯᠪᠠᠨ ᠭᠡᠷ ᠢ ᠠᠵᠣ ᠠᠬᠤᠢ ᠮᠡᠳᠡᠭᠡ ᠵᠠᠩᠬᠢᠴᠢᠯᠠᠯᠳᠡ ᠶᠢᠨ ᠲᠣᠪᠴᠢᠶᠠᠨ ᠳᠤ | ᠲᠣᠬᠢᠷᠠᠭᠤᠯᠵᠣ᠂ ᠠᠵᠣ ᠠᠬᠤᠢ ᠮᠡᠳᠡᠭᠡ ᠵᠡᠩᠬᠢᠴᠢᠯᠠᠯᠳᠠ ᠶᠢᠨ ᠲᠣᠪᠴᠢᠶᠠᠨ ᠤ ᠲᠠᠷᠤᠭ᠎ᠠ ᠠᠯᠪᠠᠨ ᠭᠡᠷ ᠤᠨ | ᠡᠷᠬᠢᠯᠡᠭᠴᠢ ᠶᠢᠨ ᠲᠣᠰᠢᠶᠠᠯ ᠢ ᠡᠭᠦᠷᠭᠡᠯᠡᠨ᠂ ᠪᠣᠳᠠᠳᠠᠢ ᠠᠵᠢᠯ ᠢ ᠬᠠᠷᠢᠭᠤᠴᠠᠨ᠎ᠠ᠃ ᠡᠯ᠎ᠡ ᠬᠠᠮᠢᠶ᠎ᠠ ᠪᠦᠭᠦᠢ ᠰᠠᠯᠠᠭ᠎ᠠ | ᠮᠦᠴᠢᠷ ᠪᠣᠯᠣᠨ ᠡᠯ᠎ᠡ ᠪᠠᠯᠭᠠᠰᠦ᠂ ᠭᠠᠴᠠᠭ᠎ᠠ ᠲᠣᠰᠬᠤᠨ ᠬᠠᠷᠠᠭᠠᠯᠵᠠᠭᠰᠠᠨ ᠪᠠᠶᠢᠭᠤᠯᠣᠮᠵᠢ ᠪᠠᠶᠢᠭᠤᠯᠣᠨ᠂ ᠲᠣᠰ | ᠲᠦᠷᠦᠯ ᠤᠨ ᠠᠵᠢᠯ ᠢ ᠲᠣᠬᠠᠢ ᠶᠢᠨ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠴᠢᠬᠤᠯᠠ ᠵᠦᠪᠯᠡᠬᠦ ᠵᠣᠶᠢᠯ ᠳᠤ | ᠣᠷᠣᠭᠤᠯᠵᠣ᠂ ᠲᠣᠰᠬᠠᠢ ᠲᠣᠰᠢᠶᠠᠯ ᠤᠨ ᠣᠳᠣᠷᠢᠳᠣᠯᠭ᠎ᠠ ᠪᠣᠯᠣᠨ ᠠᠵᠢᠯᠳᠡᠨ ᠲᠣᠬᠢᠷᠠᠭᠤᠯᠣᠨ ᠬᠠᠷᠢᠯᠴᠠᠨ | ᠬᠠᠮᠵᠢᠯᠴᠠᠵᠣ᠂ ᠰᠦᠯᠵᠢᠶᠡᠨ ᠬᠤᠳᠠᠯᠳᠣᠭᠠᠨ ᠤ ᠬᠦᠭᠵᠢᠯᠳᠡ ᠶᠢᠨ ᠰᠢᠨ᠎ᠡ ᠪᠠᠶᠢᠳᠠᠯ ᠢ ᠦᠳᠳᠦᠷ ᠲᠦᠷᠭᠡᠨ ᠪᠣᠢ | ᠪᠣᠯᠭᠠᠨ᠎ᠠ᠃ ᠰᠦᠯᠵᠢᠶᠡᠨ ᠠᠵᠣ ᠠᠬᠤᠢ ᠶᠢᠨ ᠬᠦᠭᠵᠢᠯᠳᠡ ᠶᠢᠨ ᠣᠳᠣᠷᠢᠳᠬᠤ ᠲᠣᠭᠤᠶᠢᠯᠠᠩ ᠤᠨ ᠠᠯᠪᠠᠨ ᠭᠡᠷ ᠤᠨ | ᠠᠵᠢᠯ ᠤᠨ ᠵᠠᠷᠣᠳᠠᠯ ᠢ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠠᠴᠠ ᠡᠳ᠋ ᠤᠨ ᠵᠠᠰᠠᠭ ᠤᠨ ᠵᠢᠯ ᠤᠨ ᠲᠦᠰᠦᠪ | ᠲᠤ ᠣᠷᠣᠭᠤᠯᠣᠨ᠎ᠠ᠃ | ︵ᠬᠤᠶᠠᠷ︶ ᠣᠬᠠᠭᠤᠯᠣᠨ ᠲᠠᠶᠢᠴᠢᠯᠠᠬᠤ ᠬᠦᠴᠦᠨ ᠢᠶᠠᠨ ᠴᠢᠩᠭᠠᠳᠬᠠᠨ᠎ᠠ᠃ ᠨᠠᠮ ᠵᠠᠰᠠᠭ ᠤᠨ ᠠᠯᠪᠠᠨ ᠭᠡᠷ | ᠠᠴᠠ ᠵᠣᠬᠢᠶᠠᠨ ᠪᠠᠶᠢᠭᠤᠯᠣᠨ ᠬᠤᠰᠢᠭᠤ ᠨᠠᠮ ᠵᠠᠰᠠᠭ ᠤᠨ ᠭᠤᠣᠯ ᠣᠳᠣᠷᠢᠳᠣᠯᠭ᠎ᠠ᠂ ᠨᠡᠶᠢᠭᠡᠮ ᠨᠡᠶᠢᠳᠡ ᠶᠢᠨ ᠬᠢᠨ | ᠣᠷᠣᠯᠴᠠᠭᠰᠠᠨ ᠲᠡᠭᠡᠳᠦ ᠪᠠᠷᠢᠮᠵᠢᠶᠠᠳᠦ ᠰᠦᠯᠵᠢᠶᠡᠨ ᠬᠤᠳᠠᠯᠳᠣᠭᠠᠨ ᠤ ᠶᠡᠭᠡ ᠬᠤᠷᠠᠯ ᠬᠢᠨ᠂ ᠬᠤᠪᠢᠳᠠᠨ | ᠬᠠᠷᠢᠭᠤᠴᠠᠬᠤ ᠣᠳᠣᠷᠢᠳᠣᠯᠭ᠎ᠠ ᠣᠯᠠᠷᠢᠯ ᠪᠦᠷᠢ ᠰᠦᠯᠵᠢᠶᠡᠨ ᠬᠤᠳᠠᠯᠳᠣᠭᠠᠨ ᠤ ᠬᠦᠭᠵᠢᠯᠳᠡ ᠶᠢ ᠠᠬᠢᠭᠤᠯᠬᠤ | ᠬᠤᠷᠠᠯ ᠢ ᠬᠤᠷᠠᠯᠳᠣᠭᠤᠯᠵᠣ᠂ ᠪᠦᠬᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠶᠡᠷᠦᠩᠬᠡᠢ ᠲᠠᠨᠢᠯᠳᠡ ᠪᠣᠯᠣᠨ | ᠴᠢᠬᠤᠯᠠᠴᠢᠯᠠᠭ᠎ᠠ ᠶᠢ ᠲᠡᠭᠡᠭᠰᠢᠯᠡᠭᠦᠯᠦᠨ᠎ᠡ᠃ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠲᠣᠯᠣᠭᠠᠶᠢᠯᠠᠨ | ᠬᠤᠰᠢᠭᠤᠨ ᠤ ᠬᠠᠮᠢᠶ᠎ᠠ ᠪᠦᠬᠦᠢ ᠵᠠᠭᠤᠴᠢᠯᠠᠭᠤᠷ᠂ ᠵᠠᠷ ᠮᠡᠳᠡᠭᠡ᠂ ᠸᠢᠴᠠᠲ ᠤᠨ ᠣᠯᠠᠨ ᠨᠡᠶᠢᠳᠡ ᠶᠢᠨ ᠲᠠᠪᠴᠠᠩ | ᠵᠡᠷᠭᠡ ᠲᠡᠭᠡᠷ᠎ᠡ ᠰᠦᠯᠵᠢᠶᠡᠨ ᠬᠤᠳᠠᠯᠳᠣᠭᠠᠨ ᠤ ᠣᠬᠠᠭᠤᠯᠭ᠎ᠠ ᠶᠢᠨ ᠠᠵᠢᠯ ᠢ ᠰᠠᠶᠢᠳᠦᠷ ᠬᠢᠨ᠎ᠡ᠃ ᠣᠳᠤᠭ ᠤᠨ | ᠡᠮᠦᠨᠡᠳᠦ ᠬᠤᠰᠢᠭᠤᠨ ᠤ ᠨᠢᠭᠡᠨᠳᠡ ᠪᠠᠶᠢᠭᠤᠯᠣᠭᠰᠠᠨ ᠰᠦᠯᠵᠢᠶᠡᠨ ᠲᠡᠯᠭᠡᠭᠦᠷ ᠤᠨ ᠵᠠᠯᠭᠠᠯᠳᠠ ᠶᠢ ᠬᠤᠰᠢᠭᠤᠨ ᠤ ᠵᠰᠠᠭ | ᠤᠨ ᠰᠦᠯᠵᠢᠶ᠎ᠡ᠂ ᠠᠯᠪᠠᠨ ᠤ ᠸᠢᠴᠠᠲ ᠲᠠᠪᠴᠠᠩ ᠯᠤᠭ᠎ᠠ ᠬᠤᠯᠪᠣᠨ᠎ᠠ᠃ | ︵ᠭᠤᠷᠪᠠ︶ ᠰᠦᠯᠵᠢᠶᠡᠨ ᠬᠤᠳᠠᠯᠳᠣᠭᠠᠨ ᠤ ᠴᠠᠳᠠᠪᠦᠷᠢᠳᠠᠳ ᠤᠨ ᠬᠦᠮᠦᠵᠢᠯ ᠢ ᠴᠢᠩᠭᠠᠳᠬᠠᠨ᠎ᠠ᠃ ᠬᠦᠮᠦᠨ | ᠤ ᠬᠦᠴᠦ ᠪᠠ ᠨᠡᠶᠢᠭᠡᠮ ᠤᠨ ᠪᠠᠳᠣᠯᠠᠭ᠎ᠠ᠂ ᠠᠵᠢᠯ ᠣᠯᠭᠤᠯᠳᠠ᠂ ᠠᠵᠣ ᠠᠬᠤᠢ ᠮᠡᠳᠡᠭᠡ ᠵᠠᠩᠬᠢ᠂ ᠡᠪᠯᠡᠯ ᠤᠨ | ᠬᠤᠷᠢᠶ᠎ᠠ ᠵᠡᠷᠭᠡ ᠰᠠᠯᠠᠭ᠎ᠠ ᠮᠦᠴᠢᠷ ᠲᠣᠯᠣᠭᠠᠶᠢᠯᠠᠨ᠂ ᠨᠠᠭᠠᠳᠣᠮ ᠰᠦᠯᠵᠢᠶᠡᠨ ᠬᠤᠳᠠᠯᠳᠤᠭ᠎ᠠ ᠵᠡᠷᠭᠡ ᠨᠢᠭᠡᠨᠳᠡ | ᠪᠣᠯᠪᠠᠰᠣᠷᠠᠯ ᠤᠨ ᠰᠠᠭᠤᠷᠢᠨ ᠭᠠᠵᠠᠷ ᠪᠠᠶᠢᠭᠤᠯᠣᠭᠰᠠᠨ ᠰᠦᠯᠵᠢᠶᠡᠨ ᠬᠤᠳᠠᠯᠳᠣᠭᠠᠨ ᠤ ᠺᠣᠮᠫᠠᠨᠢ ᠳᠤ ᠲᠦᠰᠢᠭᠯᠡᠨ | ᠣᠷᠣᠨ ᠨᠣᠳᠤᠭ ᠤᠨ ᠣᠨᠴᠠᠯᠢᠭ ᠲᠠᠢ ᠰᠦᠯᠵᠢᠶᠡᠨ ᠬᠤᠳᠠᠯᠳᠣᠭᠠᠨ ᠤ ᠪᠣᠯᠪᠠᠰᠣᠷᠠᠯ ᠤᠨ ᠪᠠᠶᠢᠭᠤᠯᠣᠮᠵᠢ ᠪᠠᠶᠢᠭᠤᠯᠣᠨ | ᠂ ᠰᠦᠯᠵᠢᠶᠡᠨ ᠬᠤᠳᠠᠯᠳᠣᠭᠠᠨ ᠤ ᠰᠢᠰᠲ᠋ᠧᠮ ᠲᠠᠢ ᠪᠣᠯᠪᠠᠰᠣᠷᠠᠯ ᠦᠷᠨᠢᠭᠦᠯᠵᠣ᠂ ᠲᠣᠭᠳᠠᠭᠰᠠᠨ ᠬᠤᠭᠤᠴᠠᠭ᠎ᠠ ᠲᠠᠢ | ᠪᠠᠷ ᠣᠯᠠᠨ ᠶᠠᠩᠵᠣ ᠶᠢᠨ ᠰᠠᠭᠤᠳᠠᠯ ᠤᠨ ᠬᠤᠷᠠᠯ᠂ ᠰᠦᠯᠵᠢᠶᠡᠨ ᠬᠤᠳᠠᠯᠳᠣᠭᠠᠨ ᠤ ᠲᠠᠶᠢᠯᠣᠮᠵᠢ᠂ ᠰᠣᠷᠳᠠᠯᠴᠢᠯᠠᠯᠳᠠ | ᠶᠢᠨ ᠲᠣᠭᠯᠠᠯᠳᠠ᠂ ᠣᠶᠢᠯᠠᠰ ᠪᠣᠰᠬᠠᠯᠳᠠ ᠶᠢᠨ ᠬᠠᠮᠳᠦ ᠪᠠᠷ ᠡᠳ᠋ᠯᠡᠬᠦ ᠬᠤᠷᠠᠯ ᠡᠷᠬᠢᠯᠡᠨ᠂ ᠵᠠᠰᠠᠭ ᠤᠨ ᠣᠷᠳᠣᠨ᠂ | ᠠᠵᠣ ᠠᠬᠤᠶᠢᠯᠠᠯ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠠᠮᠳᠦ ᠶᠢᠨ ᠣᠷᠣᠯᠴᠠᠯᠭ᠎ᠠ ᠲᠠᠢ ᠰᠦᠯᠵᠢᠶᠡᠨ | ᠬᠤᠳᠠᠯᠳᠣᠭᠠᠨ ᠤ ᠭᠦᠭᠵᠢᠯᠳᠡ ᠶᠢᠨ ᠣᠬᠢ ᠰᠠᠶᠢᠨ ᠣᠷᠴᠢᠨ ᠢ ᠪᠣᠢ ᠪᠣᠯᠭᠠᠵᠣ᠂ ᠣᠷᠣᠨ ᠨᠣᠳᠤᠭ ᠤᠨ ᠰᠦᠯᠵᠢᠶᠡᠨ | ᠬᠤᠳᠠᠯᠳᠣᠭᠠᠨ ᠤ ᠴᠢᠳᠠᠪᠦᠷᠢᠳᠠᠳ ᠢ ᠬᠦᠮᠦᠵᠢᠭᠦᠯᠦᠨ᠎ᠡ᠃ | ︵ᠲᠦᠷᠪᠡ︶ ᠪᠣᠳᠠᠰ ᠤᠨ ᠭᠦᠢᠯᠭᠡᠭᠡᠨ ᠤ ᠲᠣᠳᠠᠭᠤᠳᠠᠯ ᠬᠢᠵᠠᠭᠠᠷᠯᠠᠯ ᠢ ᠰᠢᠪᠳᠣᠯᠣᠨᠠ᠃ ᠮᠠᠯ ᠲᠠᠷᠢᠶᠠᠯᠠᠩ | ᠤᠨ ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳᠡ ᠬᠠᠮᠢᠶᠠᠷᠣᠯᠳᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ | ᠲᠣᠯᠣᠭᠠᠶᠢᠠᠯᠨ ᠪᠣᠳᠠᠰ ᠤᠨ ᠭᠦᠢᠯᠭᠡᠭᠡ᠂ ᠬᠦᠮᠦᠷᠭᠡᠯᠡᠯᠳᠡ᠂ ᠲᠠᠭᠠᠳᠬᠠᠯ᠂ ᠬᠦᠷᠦᠭᠡᠨ ᠬᠠᠳᠠᠭᠠᠯᠠᠬᠤ᠂ ᠪᠠᠶᠢᠴᠠᠭᠠᠨ | ᠰᠢᠯᠭᠠᠬᠤ᠂ ᠡᠬᠢ ᠢᠷᠡᠯᠳᠡ ᠶᠢ ᠮᠦᠷᠳᠡᠬᠦ ᠶᠢ ᠴᠣᠭᠴᠠᠵᠢᠭᠤᠯᠣᠭᠰᠠᠨ ᠬᠦᠷᠦᠭᠡᠨ ᠲᠠᠮᠵᠢᠭᠤᠯᠬᠤ ᠲᠣᠭᠳᠠᠯᠴᠠᠭ᠎ᠠ ᠶᠢ | ᠦᠳᠳᠦᠷ ᠲᠦᠷᠭᠡᠨ ᠪᠠᠶᠢᠭᠤᠯᠣᠨ᠂ ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠬᠤᠳᠠᠯᠳᠣᠭᠠᠨ ᠤ ᠲᠦᠬᠦᠷ | ᠲᠣᠭᠳᠠᠯᠴᠠᠭᠠᠨ ᠤ ᠪᠠᠶᠢᠭᠤᠯᠣᠯᠳᠠ ᠶᠢ ᠲᠡᠭᠦᠯᠳᠡᠷᠵᠢᠭᠦᠯᠦᠨ᠎ᠡ᠃ | ︵ᠲᠠᠪᠤ︶ ᠣᠷᠣᠨ ᠨᠣᠳᠤᠭ ᠤᠨ ᠨᠡᠷᠡᠳᠦ ᠲᠡᠮᠳᠡᠭ ᠤᠨ ᠮᠡᠳᠡᠭᠦᠯᠦᠯᠳᠡ ᠶᠢ ᠲᠦᠷᠭᠡᠳᠬᠡᠨ᠎ᠡ᠃ ᠮᠠᠯ ᠲᠠᠷᠢᠶᠠᠯᠠᠩ | ᠤᠨ ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳᠡ ᠬᠠᠮᠢᠶᠠᠷᠣᠯᠳᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ | ᠮᠦᠴᠢᠷ ᠣᠷᠣᠨ ᠬᠡᠪᠴᠢᠶᠡᠨ ᠤ ᠨᠡᠷᠡᠳᠦ ᠲᠡᠮᠳᠡᠭ ᠢ ᠲᠦᠷᠭᠡᠬᠡᠨ ᠲᠠᠩᠰᠠᠯᠠᠭᠤᠯᠬᠤ ᠮᠦᠷᠳᠡᠭᠡᠨ ᠰᠣᠨᠢᠨ ᠮᠡᠳᠡᠭᠡ | ᠨᠡᠶᠢᠳᠡᠯᠡᠬᠦ ᠬᠤᠷᠠᠯ ᠬᠤᠷᠠᠯᠳᠣᠨ᠂ ᠪᠣᠷᠣᠯᠠᠭᠤᠯᠭ᠎ᠠ ᠪᠠᠨ ᠦᠷᠭᠡᠳᠬᠡᠨ᠎ᠡ︔ ᠵᠠᠰᠠᠭ ᠤᠨ ᠣᠷᠳᠣᠨ ᠠᠴᠠ ᠮᠠᠯ | ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠢᠶᠠᠨ ᠪᠠᠳᠣᠯᠠᠨ ᠰᠣᠷᠳᠠᠯᠴᠢᠯᠠᠵᠣ᠂ ᠬᠤᠰᠢᠭᠤᠨ ᠤ ᠲᠦᠷᠪᠡᠨ ᠶᠡᠭᠡ | ᠣᠳᠣᠷᠢᠳᠬᠤ ᠪᠠᠭ ᠤᠨ ᠣᠳᠣᠷᠢᠳᠣᠯᠭ᠎ᠠ ᠪᠣᠯᠣᠨ ᠡᠯ᠎ᠡ ᠪᠠᠯᠭᠠᠰᠦ᠂ ᠡᠯ᠎ᠡ ᠰᠠᠯᠠᠭ᠎ᠠ ᠮᠦᠴᠢᠷ ᠤᠨ ᠭᠤᠣᠯ | ᠬᠠᠷᠢᠭᠤᠴᠠᠯᠭᠠᠳᠠᠨ ᠪᠣᠯᠣᠨ ᠪᠦᠬᠦ ᠨᠠᠮ ᠤᠨ ᠬᠡᠰᠢᠭᠦᠳ ᠺᠠᠳ᠋ᠷᠴᠣᠳ ᠲᠣᠯᠣᠭᠠᠶᠢᠯᠠᠨ ᠦᠵᠡᠰᠭᠦᠯᠡᠩᠳᠦ ᠰᠠᠶᠢᠬᠠᠨ | ᠡᠮᠦᠨᠡᠳᠦ ᠣᠳᠤᠭ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠢᠶᠠᠨ ᠣᠬᠠᠭᠤᠯᠵᠣ᠂ ᠣᠯᠠᠨ ᠲᠦᠮᠡᠨ ᠢ ᠵᠢᠯᠣᠭᠤᠳᠣᠨ | ᠸᠢᠴᠠᠲ ᠪᠣᠷᠣᠯᠠᠭᠤᠯᠭ᠎ᠠ ᠬᠢᠬᠦ ᠶᠢ ᠵᠣᠷᠢᠭᠵᠢᠭᠤᠯᠣᠨ᠎ᠠ᠃ | ︵ᠵᠢᠷᠭᠤᠭ᠎ᠠ︶ ᠪᠡᠯᠡ ᠮᠦᠩᠭᠦᠨ ᠤ ᠲᠡᠮᠵᠢᠯᠭᠡ ᠶᠢᠨ ᠪᠠᠳᠣᠯᠠᠭ᠎ᠠ ᠶᠢ ᠴᠢᠩᠭᠠᠳᠬᠠᠨ᠎ᠠ᠃ ᠬᠤᠰᠢᠭᠤ ᠡᠳ᠋ ᠤᠨ | ᠵᠠᠰᠠᠭ ᠵᠢᠯ ᠪᠦᠷᠢ 1000 ᠲᠦᠮᠡᠨ ᠲᠦᠭᠦᠷᠢᠭ ᠤᠨ ᠲᠣᠰᠬᠠᠢ ᠪᠡᠯᠡ ᠮᠦᠩᠭᠦ ᠲᠣᠭᠢᠷᠠᠭᠤᠯᠣᠨ᠂ ᠰᠦᠯᠵᠢᠶᠡᠨ | ᠬᠤᠳᠠᠯᠳᠣᠭᠠᠨ ᠤ ᠠᠵᠣ ᠣᠶᠢᠯᠠᠰ ᠤᠨ ᠬᠦᠭᠵᠢᠯᠳᠡ ᠶᠢ ᠲᠡᠮᠵᠢᠵᠣ᠂ ᠭᠤᠣᠯᠳᠠᠭᠤ ᠰᠦᠯᠵᠢᠶᠡᠨ ᠬᠤᠳᠠᠯᠳᠣᠭᠠᠨ ᠤ | ᠠᠵᠣ ᠣᠶᠢᠯᠠᠰ ᠤᠨ ᠬᠦᠷᠢᠶᠡᠯᠡᠩ ᠤᠨ ᠰᠠᠭᠤᠷᠢ ᠲᠦᠬᠦᠭᠡᠷᠦᠮᠵᠢ᠂ ᠴᠢᠳᠠᠪᠬᠢ ᠶᠢ ᠲᠡᠭᠦᠯᠳᠡᠷᠵᠢᠭᠦᠯᠬᠦ᠂ ᠵᠠᠷ | ᠰᠣᠷᠳᠠᠯᠴᠢᠯᠠᠭ᠎ᠠ᠂ ᠮᠡᠳᠡᠭᠡ ᠵᠡᠩᠬᠢ ᠨᠡᠶᠢᠳᠡᠯᠡᠬᠦ ᠵᠢᠴᠢ ᠬᠦᠷᠢᠶᠡᠯᠡᠩ ᠲᠣᠭᠤᠷᠢᠭ ᠲᠤ ᠣᠷᠣᠭᠰᠠᠨ ᠠᠵᠣ ᠠᠬᠤᠶᠢᠯᠠᠯ᠂ | ᠲᠠᠪᠴᠠᠩ᠂ ᠲᠦᠷᠦᠯ ᠵᠣᠶᠢᠯ ᠢ ᠬᠦᠬᠢᠭᠦᠯᠦᠨ ᠲᠡᠮᠵᠢᠨ᠎ᠡ᠃ | ︵ᠲᠣᠯᠤᠭ᠎ᠠ︶ ᠪᠣᠰᠣᠳ ᠣᠴᠢᠷ᠃ ᠲᠣᠰ ᠲᠦᠰᠦᠯ ᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ | ᠶᠢᠨ ᠬᠠᠮᠳᠦ᠂ 2015 ᠣᠨ ᠤ 7 ᠰᠠᠷ᠎ᠠ ᠶᠢᠨ 10 ᠤ ᠡᠳᠦᠷ ᠨᠡᠶᠢᠳᠡᠯᠡᠭᠰᠡᠨ ︽︿ᠰᠦᠯᠵᠢᠶᠡᠨ ᠬᠤᠳᠠᠯᠳᠣᠭᠠᠨ ᠤ | ᠠᠵᠣ ᠣᠶᠢᠯᠠᠰ ᠤᠨ ᠬᠦᠭᠵᠢᠯᠳᠡ ᠶᠢ ᠲᠦᠷᠭᠡᠳᠬᠡᠬᠦ ᠲᠦᠷ ᠬᠡᠷᠡᠭᠵᠢᠭᠦᠯᠬᠦ ᠠᠷᠭ᠎ᠠ﹀ ᠶᠢ ᠲᠠᠷᠣᠮᠠᠯᠯᠠᠨ ᠲᠠᠷᠬᠠᠭᠠᠬᠤ | ᠲᠣᠬᠠᠢ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠳᠤᠭ | ᠡᠮᠦᠨᠡᠳᠦ ᠵᠠᠰᠠᠭ ᠲᠠᠷᠬᠠᠭᠠᠬᠤ ﹇2015﹈ 24 ᠲᠣᠭᠠᠳᠦ︶᠂ 2015 ᠣᠨ ᠤ 12 ᠰᠠᠷ᠎ᠠ ᠶᠢᠨ 22 ᠤ ᠡᠳᠦᠷ | ᠨᠡᠶᠢᠳᠡᠯᠡᠭᠰᠡᠨ ︽ᠰᠦᠯᠵᠢᠶᠡᠨ ᠬᠤᠳᠠᠯᠳᠣᠭᠠᠨ ᠤ ᠬᠦᠭᠵᠢᠯᠳᠡ ᠶᠢᠨ ᠲᠣᠰᠬᠠᠢ ᠰᠠᠭᠤᠷᠢ ᠮᠦᠩᠭᠦ ᠭᠤᠶᠣᠴᠢᠯᠠᠬᠤ | ᠬᠠᠮᠢᠶᠠᠷᠣᠯᠳᠠ ᠶᠢᠨ ᠠᠷᠭ᠎ᠠ ᠶᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠡᠮᠦᠨᠡᠳᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵﹇2015﹈ 140 ᠲᠣᠭᠠᠳᠦ︶ ᠶᠢ ᠬᠦᠴᠦᠨ ᠦᠭᠡᠢ | ᠪᠣᠯᠭᠠᠨ᠎ᠠ᠃ | ᠲᠠᠭᠠᠯᠳᠣᠭᠤᠯᠣᠯ᠄ ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ | ᠬᠦᠭᠵᠢᠯᠳᠡ ᠶᠢ ᠠᠬᠢᠭᠤᠯᠬᠤ ᠬᠠᠷᠠᠭᠠᠯᠵᠠᠯ ᠤᠨ ᠲᠦᠷᠦ ᠪᠣᠳᠣᠯᠭ᠎ᠠ ᠶᠢᠨ ᠭᠤᠶᠣᠴᠢᠯᠠᠯᠳᠠ ᠶᠢᠨ ᠬᠠᠮᠢᠶᠠᠷᠣᠯᠳᠠ ᠶᠢᠨ | ᠬᠡᠷᠡᠭᠵᠢᠭᠦᠯᠬᠦ ᠨᠠᠷᠢᠮ ᠲᠦᠷᠢᠮ | ᠲᠠᠭᠠᠯᠳᠣᠭᠤᠯᠣᠯ᠄ | ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠬᠦᠭᠵᠢᠯᠳᠡ ᠶᠢ | ᠠᠬᠢᠭᠤᠯᠬᠤ ᠬᠠᠷᠠᠭᠠᠯᠵᠠᠯ ᠤᠨ | ᠲᠦᠷᠦ ᠪᠣᠳᠣᠯᠭ᠎ᠠ ᠶᠢᠨ ᠭᠤᠶᠣᠴᠢᠯᠠᠯᠳᠠ ᠶᠢᠨ ᠬᠠᠮᠢᠶᠠᠷᠣᠯᠳᠠ ᠶᠢᠨ ᠬᠡᠷᠡᠭᠵᠢᠭᠦᠯᠬᠦ ᠨᠠᠷᠢᠮ ᠲᠦᠷᠢᠮ | ︽ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠬᠦᠭᠵᠢᠯᠳᠡ ᠶᠢ | ᠠᠬᠢᠭᠤᠯᠬᠤ ᠠᠵᠢᠯ ᠤᠨ ᠲᠦᠰᠦᠯ︾ ᠤᠨ ᠱᠠᠭᠠᠷᠳᠠᠯᠭ᠎ᠠ ᠶᠢ ᠣᠯᠠᠮ ᠨᠢᠭᠡ ᠠᠯᠬᠤᠮ ᠲᠣᠳᠣᠷᠬᠠᠶᠢᠯᠠᠵᠣ᠂ ᠲᠦᠷᠦ | ᠶᠢᠨ ᠪᠣᠳᠣᠯᠭ᠎ᠠ ᠶᠢᠨ ᠠᠵᠢᠯᠯᠠᠮᠵᠢ ᠶᠢᠨ ᠴᠢᠨᠠᠷ ᠪᠣᠯᠣᠨ ᠬᠡᠷᠡᠭᠵᠢᠭᠦᠯᠦᠯᠳᠡ ᠶᠢᠨ ᠴᠢᠨᠠᠷ ᠢ ᠲᠡᠭᠡᠭᠰᠢᠯᠡᠭᠦᠯᠵᠣ᠂ ᠱᠠᠩᠨᠠᠯ | ᠨᠦᠬᠦᠪᠦᠷᠢ ᠶᠢᠨ ᠭᠤᠶᠣᠴᠢᠯᠠᠯᠳᠠ ᠶᠢᠨ ᠶᠠᠪᠣᠴᠠ ᠪᠠ ᠴᠣᠪᠣᠷᠠᠯ ᠢ ᠲᠦᠷᠢᠮᠵᠢᠭᠦᠯᠦᠨ᠂ ᠲᠦᠷᠦ ᠶᠢᠨ ᠪᠣᠳᠣᠯᠭ᠎ᠠ ᠶᠢ | ᠨᠠᠶᠢᠳᠠᠪᠦᠷᠢᠵᠢᠭᠤᠯᠵᠣ᠂ ᠱᠠᠩᠨᠠᠯ ᠨᠦᠬᠦᠪᠦᠷᠢ ᠶᠢ ᠣᠨᠣᠪᠴᠢᠳᠠᠢ᠂ ᠴᠠᠭ ᠲᠣᠬᠠᠢ ᠳᠤ ᠨᠢ ᠣᠷᠣᠨᠵᠢᠭᠤᠯᠬᠤ ᠶᠢᠨ | ᠲᠣᠰᠠᠳᠠ᠂ ᠲᠣᠰ ᠬᠡᠷᠡᠭᠵᠢᠭᠦᠯᠬᠦ ᠨᠠᠷᠢᠮ ᠲᠦᠷᠢᠮ ᠢ ᠲᠣᠭᠳᠠᠭᠠᠪᠠ᠃ | ᠨᠢᠭᠡ᠂ ᠲᠡᠮᠵᠢᠯᠭᠡ ᠭᠤᠶᠣᠴᠢᠯᠠᠬᠤ ᠠᠵᠣ ᠠᠬᠤᠶᠢᠯᠠᠯ ᠤᠨ ᠦᠨᠳᠦᠰᠦᠨ ᠨᠦᠭᠦᠴᠡᠯ | ︵ᠨᠢᠭᠡ︶ ᠮᠠᠨ ᠤ ᠬᠤᠰᠢᠭᠤᠨ ᠳᠤ ᠬᠠᠣᠯᠢ ᠶᠣᠰᠣᠭᠠᠷ ᠪᠦᠷᠢᠳᠬᠡᠨ ᠲᠠᠩᠰᠠᠯᠠᠭᠤᠯᠣᠭᠠᠳ 1 ᠵᠢᠯ ᠠᠴᠠ | ᠲᠡᠭᠡᠭᠰᠢ ᠪᠣᠯᠣᠭᠰᠠᠨ ᠪᠡᠶ᠎ᠡ ᠪᠠᠨ ᠲᠠᠭᠠᠭᠠᠭᠰᠠᠨ ᠬᠠᠣᠯᠢ ᠶᠢᠨ ᠡᠷᠬᠡᠳᠡᠨ ᠤ ᠬᠡᠷᠢ ᠬᠡᠮ ᠲᠠᠢ ᠪᠠᠶᠢᠭᠤᠯᠭ᠎ᠠ ᠮᠦᠷᠳᠡᠭᠡᠨ | ᠬᠤᠰᠢᠭᠤᠨ ᠤ ᠣᠯᠣᠰ ᠤᠨ ᠭᠠᠶᠢᠯᠢ᠂ ᠣᠷᠣᠨ ᠨᠣᠳᠤᠭ ᠤᠨ ᠭᠠᠶᠢᠯᠢ ᠤᠨ ᠰᠠᠯᠠᠭ᠎ᠠ ᠮᠦᠴᠢᠷ ᠲᠤ ᠲᠠᠩᠰᠠᠯᠠᠭᠤᠯᠣᠨ | ᠭᠠᠶᠢᠯᠢ ᠲᠣᠰᠢᠶᠠᠵᠣ᠂ ᠰᠦᠯᠵᠢᠶᠡᠨ ᠬᠤᠳᠠᠯᠳᠤᠭ᠎ᠠ ᠡᠷᠬᠢᠯᠡᠨ᠂ ᠲᠣᠬᠠᠶᠢᠯᠠᠭᠰᠠᠨ ᠠᠵᠢᠯ ᠤᠨ ᠲᠣᠰᠭᠠᠷ ᠠᠵᠢᠯᠯᠠᠮᠵᠢ | 1 ᠵᠢᠯ ᠠᠴᠠ ᠲᠡᠭᠡᠭᠰᠢ ᠪᠣᠯᠣᠭᠰᠠᠨ ᠠᠵᠣ ᠠᠬᠤᠶᠢᠯᠠᠯ︔ ᠡᠰᠡᠭᠦᠯ᠎ᠡ ᠪᠦᠷᠢᠳᠬᠡᠨ ᠲᠠᠩᠰᠠᠯᠠᠭᠤᠯᠣᠭᠠᠳ 1 ᠵᠢᠯ ᠠᠴᠠ | ᠲᠡᠭᠡᠭᠰᠢ ᠪᠣᠯᠣᠭᠰᠠᠨ ᠠᠵᠣ ᠠᠬᠤᠶᠢᠯᠠᠯ᠂ ᠦᠪᠡᠷᠳᠡᠭᠡᠨ ᠰᠦᠯᠵᠢᠶᠡᠨ ᠬᠤᠳᠠᠯᠳᠣᠭᠠᠨ ᠤ ᠲᠠᠪᠴᠠᠩ ᠪᠠᠶᠢᠭᠤᠯᠵᠣ | ᠠᠵᠢᠯᠯᠠᠭᠠᠳ ᠬᠠᠭᠠᠰ ᠵᠢᠯ ᠠᠴᠠ ᠲᠠᠭᠡᠭᠰᠢ ᠪᠣᠯᠣᠭᠰᠠᠨ︔ | ︵ᠬᠤᠶᠠᠷ︶ ᠠᠵᠣ ᠠᠬᠤᠶᠢᠯᠠᠯ ᠤᠨ ᠡᠳ᠋ ᠤᠨ ᠶᠠᠪᠣᠳᠠᠯ ᠤᠨ ᠬᠠᠮᠢᠶᠠᠷᠣᠯᠳᠠ ᠶᠢᠨ ᠲᠦᠷᠢᠮ ᠪᠦᠷᠢᠨ᠂ | ᠨᠢᠭᠳᠠᠯᠠᠨ ᠪᠣᠳᠣᠯᠳᠠ ᠪᠣᠯᠣᠨ ᠭᠠᠶᠢᠯᠢ ᠲᠣᠰᠢᠶᠠᠭᠰᠠᠨ ᠢᠳᠡᠭᠡᠮᠵᠢ ᠰᠠᠶᠢᠨ᠂ ᠠᠵᠢᠯᠯᠠᠮᠵᠢ ᠡᠵᠡᠩᠨᠡᠯᠳᠡ ᠶᠢᠨ ᠲᠠᠯ᠎ᠠ | ᠪᠠᠷ ᠬᠠᠣᠯᠢ ᠲᠦᠷᠢᠮ ᠵᠦᠷᠢᠴᠡᠭᠰᠡᠨ ᠨᠣᠴᠢᠳᠠᠢ ᠲᠡᠮᠳᠡᠭᠯᠡᠯ ᠦᠭᠡᠢ︔ | ︵ᠭᠤᠷᠪᠠ︶ ᠲᠣᠭᠳᠠᠭᠠᠯ ᠶᠣᠰᠣᠭᠠᠷ ᠬᠤᠳᠠᠯᠳᠣᠭᠠᠨ ᠤ ᠶᠠᠪᠣᠳᠠᠯ᠂ ᠲᠤᠭ᠎ᠠ ᠪᠦᠷᠢᠳᠬᠡᠯ ᠵᠡᠷᠭᠡ ᠬᠠᠮᠢᠶ᠎ᠠ | ᠪᠦᠬᠦᠢ ᠰᠠᠯᠠᠭ᠎ᠠ ᠮᠦᠴᠢᠷ ᠲᠤ ᠮᠠᠲ᠋ᠧᠷᠢᠶᠠᠯ ᠪᠠ ᠬᠦᠰᠦᠨᠦᠭᠳᠦ ᠮᠡᠳᠡᠭᠦᠯᠦᠨ ᠬᠠᠩᠭᠠᠭᠰᠠᠨ᠃ | ᠬᠤᠶᠠᠷ᠂ ᠲᠡᠮᠵᠢᠯᠭᠡ ᠭᠤᠶᠣᠴᠢᠯᠠᠬᠤ ᠠᠵᠣ ᠠᠬᠤᠶᠢᠯᠠᠯ ᠤᠨ ᠦᠨᠳᠦᠰᠦᠨ ᠮᠠᠲ᠋ᠧᠷᠢᠶᠠᠯ | ︵ᠨᠢᠭᠡ︶ ᠠᠵᠣ ᠠᠬᠤᠶᠢᠯᠠᠯ ᠤᠨ ᠠᠵᠣ ᠣᠶᠢᠯᠠᠳᠪᠦᠷᠢ ᠬᠤᠳᠠᠯᠳᠣᠭᠠᠨ ᠤ ᠡᠵᠡᠩᠨᠡᠯᠳᠡ ᠶᠢᠨ ᠦᠨᠡᠮᠯᠠᠯ ᠤᠨ | ᠬᠠᠪᠰᠣᠷᠣᠮᠠᠯ ᠲᠡᠪᠳᠡᠷ᠂ ᠭᠠᠶᠢᠯᠢ ᠲᠠᠩᠰᠠᠯᠠᠭᠰᠠᠨ ᠦᠨᠡᠮᠯᠠᠯ᠂ ᠲᠠᠩᠰᠠ ᠪᠠᠶᠢᠭᠤᠯᠬᠤ ᠵᠦᠪᠰᠢᠶᠡᠷᠡᠯ ᠤᠨ ᠪᠢᠴᠢᠭ ᠤᠨ | ᠬᠠᠭᠤᠯᠪᠣᠷᠢ︔ | ︵ᠬᠤᠶᠠᠷ︶ ᠠᠵᠣ ᠠᠬᠤᠶᠢᠯᠠᠯ ᠤᠨ ᠬᠠᠣᠯᠢ ᠶᠢᠨ ᠡᠷᠭᠡᠳᠡᠨ ᠤ ᠲᠦᠯᠦᠭᠡᠯᠡᠭᠴᠢ ᠶᠢᠨ ᠪᠡᠶ᠎ᠡ ᠶᠢᠨ ᠦᠨᠡᠮᠯᠡᠯ ᠤᠨ | ᠬᠠᠭᠤᠯᠪᠣᠷᠢ︔ | ︵ᠭᠤᠷᠪᠠ︶ ᠬᠤᠯᠪᠣᠭᠳᠠᠯ ᠪᠦᠬᠦᠢ ᠮᠠᠲ᠋ᠧᠷᠢᠶᠡᠯ ᠳᠤ ᠠᠵᠣ ᠠᠬᠤᠶᠢᠯᠠᠯ ᠤᠨ ᠲᠠᠮᠠᠭ᠎ᠠ ᠲᠠᠷᠣᠨ᠎ᠠ᠃ | ︵ᠲᠦᠷᠪᠡ︶ ᠮᠡᠳᠡᠭᠦᠯᠬᠦ ᠲᠦᠷᠦᠯ ᠵᠣᠶᠢᠯ ᠨᠢ ᠦᠪᠡᠷᠳᠡᠭᠡᠨ ᠰᠦᠯᠵᠢᠶᠡᠨ ᠬᠤᠳᠠᠯᠳᠣᠭᠠᠨ ᠤ ᠲᠠᠪᠴᠠᠩ ᠲᠠᠢ | ᠠᠵᠣ ᠠᠬᠤᠶᠢᠯᠠᠯ ᠲᠠᠢ ᠬᠤᠯᠪᠣᠭᠳᠠᠪᠠᠯ᠂ ᠲᠣᠰ ᠲᠠᠪᠴᠠᠩ ᠤᠨ ᠨᠧᠲ ᠤᠨ ICP ᠦᠨᠡᠮᠯᠡᠯ ᠪᠣᠶᠣ ᠲᠠᠩᠰᠠᠯᠠᠯᠳᠠ | ᠶᠢᠨ ᠭᠡᠷᠡᠴᠢ ᠶᠢᠨ ᠬᠠᠭᠤᠯᠪᠣᠷᠢ ᠬᠠᠩᠭᠠᠨ᠎ᠠ᠃ | ︵ᠲᠠᠪᠤ︶ ᠮᠡᠳᠡᠭᠦᠯᠬᠦ ᠮᠠᠲ᠋ᠧᠷᠢᠶᠡᠯ ᠪᠦᠬᠦᠨ ᠢ ᠬᠤᠶᠠᠷ ᠬᠤᠪᠢ ᠪᠡᠯᠡᠳᠬᠡᠵᠣ᠂ ᠲᠡᠪᠳᠡᠷᠯᠡᠨᠡ᠃ | ᠭᠤᠷᠪᠠ᠂ ᠲᠦᠷᠦᠯ ᠵᠣᠶᠢᠯ ᠢ ᠲᠡᠮᠵᠢᠬᠦ ᠪᠠᠷᠢᠮᠵᠢᠶ᠎ᠡ ᠵᠢᠴᠢ ᠮᠡᠳᠡᠭᠦᠯᠬᠦ ᠮᠠᠲ᠋ᠧᠷᠢᠶᠡᠯ ᠤᠨ ᠨᠠᠷᠢᠨ ᠠᠩᠬᠢᠯᠠᠯ | 1. ᠲᠡᠮᠵᠢᠬᠦ ᠪᠠᠷᠢᠮᠵᠢᠶ᠎ᠠ | ︵ᠨᠢᠭᠡ︶ ᠰᠦᠯᠵᠢᠶᠡᠨ ᠪᠣᠷᠣᠯᠠᠭᠤᠯᠭ᠎ᠠ ᠶᠢ ᠲᠡᠮᠵᠢᠬᠦ | ︵1︶ ᠣᠷᠣᠨ ᠨᠣᠳᠤᠭ ᠤᠨ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠮᠠᠯᠵᠢᠬᠤ ᠲᠠᠷᠢᠶᠠᠯᠠᠬᠤ | ᠣᠷᠣᠨ ᠳᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ ᠲᠦᠪ ᠲᠤ 020 ᠪᠡᠶᠡᠴᠢᠯᠡᠨ ᠣᠶᠢᠯᠭᠠᠬᠤ | ᠲᠡᠯᠭᠡᠭᠦᠷ ᠪᠠᠶᠢᠭᠤᠯᠵᠣ᠂ ᠰᠦᠯᠵᠢᠶᠡᠨ ᠤ ᠵᠢᠯ ᠤᠨ ᠪᠣᠷᠣᠯᠠᠭᠤᠯᠭ᠎ᠠ 500 ᠲᠦᠮᠡᠨ ᠲᠦᠭᠦᠷᠢᠭ᠂ 1000 ᠲᠦᠮᠡᠨ | ᠲᠦᠭᠦᠷᠢᠭ ᠲᠤ ᠬᠦᠷᠦᠭᠰᠡᠨ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠢ ᠨᠢᠭᠡᠯᠡ ᠣᠳᠠᠭ᠎ᠠ ᠪᠠᠷ 10 | ᠲᠦᠮᠡᠨ ᠲᠦᠭᠦᠷᠢᠭ᠂ 20 ᠲᠦᠮᠡᠨ ᠲᠦᠭᠦᠷᠢᠭ ᠢᠶᠠᠷ ᠱᠠᠩᠨᠠᠨ᠎ᠠ︔ | ︵2︶ ᠣᠳᠤᠭ ᠤᠨ ᠡᠮᠦᠨᠡᠳᠦ ᠬᠤᠰᠢᠭᠤᠨ ᠤ ᠨᠣᠳᠤᠭ ᠤᠨ ᠣᠨᠴᠠᠯᠢᠭᠳᠦ ᠮᠠᠯ ᠲᠠᠷᠢᠶᠠᠯᠠᠩ ᠤᠨ | ᠪᠦᠳᠦᠭᠡᠭᠳᠡᠭᠦᠨ ︵ᠬᠠᠳᠠᠭᠠᠭᠰᠠᠨ ᠪᠣᠷᠴᠠ᠂ ᠬᠠᠭᠤᠷᠠᠭᠰᠠᠨ ᠠᠮᠣ ᠵᠡᠷᠭᠡ︶᠂ ᠭᠠᠷ ᠣᠷᠠᠯᠠᠯ ᠤᠨ ᠪᠦᠳᠦᠭᠡᠭᠳᠡᠭᠦᠨ ︵ | ᠦᠨᠳᠦᠰᠦᠳᠡᠨ ᠤ ᠬᠤᠪᠴᠠᠰᠦ ᠵᠠᠰᠠᠯ᠂ ᠭᠡᠷ ᠤᠨ ᠬᠡᠷᠡᠭᠰᠡᠯ ᠵᠡᠷᠭᠡ︶᠂ ᠵᠢᠭᠤᠯᠴᠢᠯᠠᠯ ᠤᠨ ᠲᠠᠸᠠᠷ ︵ᠶᠡᠭᠡ ᠲᠣᠯᠣᠨ᠂ | ᠶᠡᠭᠡ ᠲᠣᠬᠤᠢ᠂ ᠭᠤᠯᠣᠮᠳᠠ ᠭᠠᠯ ᠴᠡᠴᠡᠷᠯᠢᠭ ᠵᠡᠷᠭᠡ ᠦᠵᠡᠮᠵᠢ ᠶᠢᠨ ᠣᠷᠣᠨ ᠤ ᠲᠣᠷᠠᠰᠬᠠᠯ ᠤᠨ ᠪᠣᠳᠠᠰ︶ ᠡᠵᠡᠩᠨᠡᠨ | ᠠᠷᠠᠯᠵᠢᠶᠠᠯᠠᠬᠤ ᠬᠤᠳᠠᠯᠳᠣᠭᠠᠴᠢᠳ ᠦᠪᠡᠷᠳᠡᠭᠡᠨ ᠰᠦᠯᠵᠢᠶᠡᠨ ᠬᠤᠳᠠᠯᠳᠣᠭᠠᠨ ᠤ ᠲᠠᠪᠴᠠᠩ ︵ᠭᠠᠷ ᠣᠳᠠᠰᠣᠨ | APP᠂ ᠸᠢᠴᠠᠲ ᠨᠡᠶᠢᠳᠡ ᠶᠢᠨ ᠳ᠋ᠣᠭᠠᠷ ᠵᠡᠷᠭᠡ ᠪᠠᠭᠳᠠᠨ᠎ᠠ︶ ᠪᠠᠶᠢᠭᠤᠯᠵᠣ᠂ ᠰᠦᠯᠵᠢᠶᠡᠨ ᠲᠡᠭᠡᠷ᠎ᠡ ᠪᠣᠷᠣᠯᠠᠭᠤᠯᠭ᠎ᠠ | ᠨᠡᠭᠡᠭᠡᠭᠰᠡᠨ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠪᠣᠯᠣᠨ ᠬᠤᠪᠢ ᠬᠦᠮᠦᠨ ᠤ ᠰᠦᠯᠵᠢᠶᠡᠨ | ᠪᠣᠷᠣᠯᠠᠭᠤᠯᠭ᠎ᠠ 100 ᠲᠦᠮᠡᠨ ᠲᠦᠭᠦᠷᠢᠭ᠂ 200 ᠲᠦᠮᠡᠨ ᠲᠦᠭᠦᠷᠢᠭ᠂ 500 ᠲᠦᠮᠡᠨ ᠲᠦᠭᠦᠷᠢᠭ ᠲᠤ | ᠬᠦᠷᠪᠡᠯ᠂ ᠨᠢᠭᠡᠯᠡ ᠣᠳᠠᠭ᠎ᠠ ᠪᠠᠷ 2 ᠲᠦᠮᠡ᠂ 5 ᠲᠦᠮᠡ᠂ 10 ᠲᠦᠮᠡᠨ ᠲᠦᠭᠦᠷᠢᠭ ᠢᠶᠠᠷ ᠱᠠᠩᠨᠠᠨ᠎ᠠ︔ | ︵3︶ ᠣᠷᠣᠨ ᠨᠣᠳᠤᠭ ᠤᠨ ᠪᠦᠯᠦᠭᠯᠡᠨ ᠠᠪᠬᠤ ᠨᠡᠷᠡᠳᠦ ᠲᠠᠪᠴᠠᠩ ᠢ ᠪᠠᠶᠢᠭᠤᠯᠵᠣ᠂ ᠪᠦᠬᠦ ᠬᠤᠰᠢᠭᠤᠨ ᠤ | ᠵᠣᠴᠢᠳ ᠤᠨ ᠪᠠᠭᠤᠳᠠᠯ᠂ ᠦᠵᠡᠮᠵᠢ ᠶᠢᠨ ᠣᠷᠣᠨ᠂ ᠰᠣᠶᠣᠯ ᠵᠢᠭᠤᠯᠴᠢᠯᠠᠯ ᠤᠨ ᠣᠨᠴᠠᠯᠢᠭᠳᠦ ᠪᠦᠳᠦᠭᠡᠭᠳᠡᠭᠦᠨ ᠤ | ᠲᠡᠯᠭᠡᠭᠦᠷ ᠪᠣᠯᠣᠨ ᠮᠠᠯᠴᠢᠨ ᠲᠠᠷᠢᠶᠠᠴᠢᠨ ᠠᠶᠢᠯ ᠤᠨ ᠪᠠᠶᠠᠰᠣᠯ ᠢ ᠪᠦᠯᠦᠭᠯᠡᠨ ᠠᠪᠬᠤ ᠲᠠᠪᠴᠠᠩ ᠳᠤ ᠣᠷᠣᠭᠤᠯᠵᠣ᠂ | ᠬᠤᠰᠢᠭᠤᠨ ᠤ ᠲᠣᠳᠣᠨ᠎ᠠ ᠭᠠᠳᠠᠨᠠᠬᠢ ᠬᠡᠷᠡᠭᠯᠡᠭᠴᠢᠳ ᠢ ᠲᠠᠳᠠᠨ ᠠᠪᠴᠢᠷᠠᠭᠠᠳ᠂ ᠰᠦᠯᠵᠢᠶᠡᠨ ᠪᠣᠷᠣᠯᠠᠭᠤᠯᠭ᠎ᠠ ᠶᠢᠨ | ᠵᠢᠯ ᠤᠨ ᠠᠷᠠᠯᠵᠢᠶᠠᠨ ᠤ ᠦᠷᠳᠡᠭ 20 ᠲᠦᠮᠡᠨ ᠲᠦᠭᠦᠷᠢᠭ ᠢ ᠲᠠᠪᠠᠭᠰᠠᠨ ᠰᠦᠯᠵᠢᠶᠡᠨ ᠬᠤᠳᠠᠯᠳᠣᠭᠠᠨ ᠤ | ᠲᠠᠪᠴᠠᠩ ᠢ 5 ᠲᠦᠮᠡᠨ ᠲᠦᠭᠦᠷᠢᠭ ᠢᠶᠠᠷ ᠱᠠᠩᠨᠠᠨ ᠬᠦᠬᠢᠭᠦᠯᠦᠨ᠎ᠡ᠃ | 2. ᠮᠡᠳᠡᠭᠦᠯᠬᠦ ᠮᠡᠲ᠋ᠧᠷᠢᠶᠠᠯ | ︵1︶ ᠠᠵᠣ ᠠᠬᠤᠶᠢᠯᠠᠯ ᠤᠨ ᠭᠤᠶᠣᠴᠢᠯᠠᠯ ᠤᠨ ᠪᠢᠴᠢᠭ ᠮᠠᠲ᠋ᠧᠷᠢᠶᠠᠯ ︵ᠪᠢᠴᠢᠭ ᠮᠠᠲ᠋ᠧᠷᠢᠶᠠᠯ ᠳᠤ ᠠᠯᠢ | ᠲᠦᠷᠦᠯ ᠤᠨ ᠨᠦᠬᠦᠪᠦᠷᠢ ᠶᠢᠨ ᠲᠦᠷᠦ ᠪᠣᠳᠣᠯᠭ᠎ᠠ ᠳᠤ ᠨᠡᠶᠢᠴᠡᠬᠦ ᠪᠠᠨ ᠲᠣᠳᠣᠷᠬᠠᠶᠢᠯᠠᠨ᠎ᠠ︶︔ | ︵2︶ ᠦᠪᠡᠷᠳᠡᠭᠡᠨ ᠲᠠᠪᠴᠠᠩ ᠪᠠᠶᠢᠭᠤᠯᠣᠭᠰᠠᠨ ᠠᠵᠣ ᠠᠬᠤᠶᠢᠯᠠᠯ ᠲᠦᠷᠦᠯ ᠵᠣᠶᠢᠯ ᠤᠨ ᠪᠠᠶᠢᠭᠤᠯᠣᠯᠳᠠ | ᠶᠢᠨ ᠲᠦᠰᠦᠪ ᠢᠶᠠᠨ ᠮᠡᠳᠡᠭᠦᠯᠦᠨ᠎ᠡ᠂ ᠡᠬᠦᠨ ᠳᠤ᠄ ᠲᠦᠷᠦᠯ ᠵᠣᠶᠢᠯ ᠤᠨ ᠨᠡᠷᠡᠶᠢᠳᠦᠯ᠂ ᠲᠦᠷᠦᠯ ᠵᠣᠶᠢᠯ ᠤᠨ | ᠪᠠᠶᠢᠭᠤᠯᠭ᠎ᠠ᠂ ᠬᠠᠣᠯᠢ ᠶᠢᠨ ᠡᠷᠬᠡᠳᠡᠨ ᠤ ᠲᠦᠯᠦᠭᠡᠯᠡᠭᠴᠢ᠂ ᠬᠠᠷᠢᠯᠴᠠᠬᠤ ᠠᠷᠭ᠎ᠠ᠂ ᠲᠦᠷᠦᠯ ᠵᠣᠶᠢᠯ ᠤᠨ | ᠪᠠᠶᠢᠭᠤᠯᠣᠯᠳᠠ ᠶᠢᠨ ᠭᠠᠵᠠᠷ᠂ ᠵᠢᠯ ᠬᠤᠭᠤᠴᠠᠭᠠᠨ ᠤ ᠬᠢᠵᠠᠭᠠᠷ ᠵᠢᠴᠢ ᠪᠠᠶᠢᠭᠤᠯᠣᠯᠳᠠ ᠶᠢᠨ ᠠᠬᠢᠴᠠ᠂ ᠭᠤᠣᠯ | ᠪᠠᠶᠢᠭᠤᠯᠣᠯᠳᠠ ᠶᠢᠨ ᠠᠭᠤᠯᠭ᠎ᠠ ︿ᠭᠤᠣᠯ ᠲᠦᠬᠦᠭᠡᠷᠦᠮᠵᠢ᠂ ᠲᠦᠬᠦᠭᠡᠷᠦᠮᠵᠢ ᠶᠢᠨ ᠪᠠᠶᠢᠷᠢᠯᠠᠭᠤᠯᠣᠯᠳᠠ ᠵᠡᠷᠭᠡ ᠶᠢ | ᠪᠠᠭᠳᠠᠭᠠᠨ᠎ᠠ﹀᠂ ᠶᠡᠷᠦᠩᠬᠡᠢ ᠪᠡᠯᠡ ᠣᠷᠣᠭᠤᠯᠣᠯᠳᠠ ᠵᠢᠴᠢ ᠪᠡᠯᠡ ᠮᠦᠩᠭᠦᠨ ᠤ ᠢᠷᠡᠯᠳᠡ᠂ ᠪᠠᠶᠢᠭᠤᠯᠣᠭᠰᠠᠨ ᠤ | ᠲᠠᠷᠠᠭᠠᠬᠢ ᠠᠵᠣ ᠠᠬᠤᠢ ᠪᠠ ᠨᠡᠶᠢᠭᠡᠮ ᠤᠨ ᠦᠷ᠎ᠡ ᠠᠰᠢᠭ ᠵᠡᠷᠭᠡ ᠶᠢ ᠪᠠᠭᠳᠠᠭᠠᠨ᠎ᠠ︔ | ︵3︶ ᠠᠷᠠᠯᠵᠢᠶᠠᠨ ᠤ ᠲᠠᠩᠰᠠ ᠲᠡᠮᠳᠡᠭᠯᠡᠯ ︵ᠪᠦᠳᠦᠭᠡᠭᠳᠡᠭᠦᠨ ᠤ ᠰᠦᠯᠵᠢᠶᠡᠨ ᠪᠣᠷᠣᠯᠠᠭᠤᠯᠭ᠎ᠠ ᠶᠢᠨ ᠪᠠᠷᠢᠮᠳᠠ | ︶︔ | ︵4︶ ᠪᠠᠷᠠᠭ᠎ᠠ ᠵᠠᠬᠢᠶᠠᠯᠠᠭᠰᠠᠨ ᠬᠠᠭᠤᠳᠠᠰᠦ᠂ ᠠᠷᠠᠯᠵᠢᠶᠠᠨ ᠪᠠᠷᠢᠮᠳᠠ ᠶᠢᠨ ᠡᠰᠬᠡᠮᠡᠯ ᠵᠢᠷᠤᠭ᠂ ᠪᠣᠳᠠᠰ ᠤᠨ | ᠭᠦᠢᠯᠭᠡᠭᠡᠨ ᠤ ᠬᠠᠭᠤᠳᠠᠰᠣ᠂ ᠵᠢᠴᠢ ᠪᠠᠷᠠᠭ᠎ᠠ ᠲᠣᠬᠢᠷᠠᠭᠤᠯᠣᠨ ᠬᠦᠷᠭᠡᠭᠰᠡᠨ ᠵᠡᠷᠭᠡ ᠭᠡᠷᠡᠴᠢ ᠶᠢᠨ ᠮᠠᠲ᠋ᠧᠷᠢᠶᠠᠯ᠃ | ︵ᠬᠤᠶᠠᠷ︶ ᠮᠠᠯ ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠤ ᠬᠡᠯᠬᠢᠶ᠎ᠡ ᠲᠡᠯᠭᠡᠭᠦᠷ᠂ ᠪᠡᠶᠡᠴᠢᠯᠡᠨ | ᠣᠶᠢᠯᠭᠠᠬᠤ ᠲᠡᠯᠭᠡᠭᠦᠷ ᠢ ᠲᠡᠮᠵᠢᠬᠦ | 1. ᠲᠡᠮᠵᠢᠬᠦ ᠪᠠᠷᠢᠮᠵᠢᠶ᠎ᠠ | ᠨᠢᠭᠡ᠂ ᠬᠤᠶᠠᠳᠦᠭᠠᠷ ᠲᠡᠰ ᠤᠨ ᠬᠤᠳᠠ᠂ ᠬᠦᠷᠰᠢ ᠨᠢᠰᠬᠡᠯ ᠤᠨ ᠪᠠᠭᠤᠳᠠᠯ ᠵᠡᠷᠭᠡ ᠭᠠᠵᠠᠷ ᠢᠶᠠᠷ ᠣᠳᠤᠭ ᠤᠨ | ᠡᠮᠦᠨᠡᠳᠦ ᠬᠤᠰᠢᠭᠤᠨ ᠤ ᠮᠠᠯ ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠤ ᠬᠡᠯᠬᠢᠶ᠎ᠡ ᠲᠡᠯᠭᠡᠭᠦᠷ᠂ ᠪᠡᠶᠡᠴᠢᠯᠡᠨ | ᠣᠶᠢᠯᠭᠠᠬᠤ ᠲᠡᠯᠭᠡᠭᠦᠷ ᠡᠷᠬᠢᠯᠡᠬᠦ ᠪᠣᠶᠣ ᠬᠠᠳᠠᠭᠠᠯᠠᠨ ᠬᠦᠷᠭᠡᠬᠦ ᠲᠦᠪ ᠲᠦᠷᠢᠶᠡᠰᠦᠯᠡᠭᠡᠳ ᠬᠡᠪ ᠤᠨ ᠡᠵᠡᠩᠨᠡᠯᠳᠡ ᠨᠢ | ᠨᠢᠭᠡ ᠵᠢᠯ ᠠᠴᠠ ᠲᠡᠭᠡᠭᠰᠢ ᠪᠣᠯᠣᠭᠰᠠᠨ ᠪᠣᠯ ᠨᠢᠭᠡᠳᠦᠭᠡᠷ ᠲᠡᠰ ᠤᠨ ᠬᠤᠳᠠ ᠳᠤ ᠪᠠᠶᠢᠪᠠᠯ 30 ᠲᠦᠮᠡᠨ ᠲᠦᠭᠦᠷᠢᠭ᠂ | ᠬᠤᠶᠠᠳᠦᠭᠠᠷ ᠲᠡᠰ ᠤᠨ ᠬᠤᠳᠠ ᠳᠤ ᠪᠠᠶᠢᠪᠠᠯ 20 ᠲᠦᠮᠡᠨ ᠲᠦᠭᠦᠷᠢᠭ᠂ ᠬᠦᠷᠰᠢ ᠨᠢᠰᠭᠡᠯ ᠤᠨ ᠪᠠᠭᠤᠳᠠᠯ ᠳᠤ | ᠪᠠᠶᠢᠪᠠᠯ 10 ᠲᠦᠮᠡᠨ ᠲᠦᠭᠦᠷᠢᠭ ᠤᠨ ᠨᠦᠬᠦᠪᠦᠷᠢ ᠶᠢ ᠵᠠᠯᠠᠭ᠎ᠠ ᠪᠠᠷ ᠭᠤᠷᠪᠠᠨ ᠵᠢᠯ ᠣᠯᠭᠤᠨ᠎ᠠ᠃ | 2. ᠮᠡᠳᠡᠭᠦᠯᠬᠦ ᠮᠠᠲ᠋ᠧᠷᠢᠶᠠᠯ | ︵1︶ ᠠᠵᠣ ᠠᠬᠤᠶᠢᠯᠠᠯ ᠤᠨ ᠭᠤᠶᠣᠴᠢᠯᠠᠯ ᠤᠨ ᠪᠢᠴᠢᠭ ᠮᠠᠲ᠋ᠧᠷᠢᠶᠠᠯ ︵ᠪᠢᠴᠢᠭ ᠮᠠᠲ᠋ᠧᠷᠢᠶᠠᠯ ᠳᠤ ᠠᠯᠢ | ᠲᠦᠷᠦᠯ ᠤᠨ ᠨᠦᠬᠦᠪᠦᠷᠢ ᠶᠢᠨ ᠲᠦᠷᠦ ᠪᠣᠳᠣᠯᠭ᠎ᠠ ᠳᠤ ᠨᠡᠶᠢᠴᠡᠬᠦ ᠪᠠᠨ ᠲᠣᠳᠣᠷᠬᠠᠶᠢᠯᠠᠨ᠎ᠠ︶︔ | ︵2︶ ᠮᠠᠯ ᠲᠠᠷᠢᠶᠠᠯᠠᠩ ᠤᠨ ᠣᠨᠴᠠᠯᠢᠭᠳᠦ ᠪᠦᠳᠦᠭᠡᠭᠳᠡᠭᠦᠨ ᠤ ᠬᠡᠯᠬᠢᠶ᠎ᠡ ᠲᠡᠯᠭᠡᠭᠦᠷ᠂ ᠪᠡᠶᠡᠴᠢᠯᠡᠨ ᠣᠶᠢᠯᠭᠠᠬᠤ | ᠲᠡᠯᠭᠡᠭᠦᠷ ᠤᠨ ᠰᠡᠭᠦᠳᠡᠷ ︵ᠭᠠᠳᠠᠨᠠᠬᠢ ᠨᠡᠷᠡᠶᠢᠳᠦᠯ᠂ ᠳᠣᠳᠣᠷᠠᠬᠢ ᠪᠠᠷᠠᠭᠠᠨ ᠲᠠᠯᠪᠢᠭᠤᠷ ᠵᠢᠴᠢ ᠪᠦᠳᠦᠭᠡᠭᠳᠡᠭᠦᠨ︶︔ | ︵3︶ ᠬᠡᠯᠬᠢᠶ᠎ᠡ ᠲᠡᠯᠭᠡᠭᠦᠷ᠂ ᠪᠡᠶᠡᠴᠢᠯᠡᠨ ᠣᠶᠢᠯᠭᠠᠬᠤ ᠲᠡᠯᠭᠡᠭᠦᠷ ᠤᠨ ᠲᠦᠷᠢᠶᠡᠰᠦᠨ ᠭᠡᠷ᠎ᠡ᠂ ᠡᠵᠡᠩᠨᠡᠯᠳᠡ | ᠭᠠᠵᠠᠷ ᠤᠨ ᠪᠠᠶᠢᠷᠢᠰᠢᠯ ᠵᠢᠷᠤᠭ︔ | ︵4︶ ᠠᠷᠠᠯᠵᠢᠶᠠᠨ ᠤ ᠲᠠᠩᠰᠠ ᠲᠡᠮᠳᠡᠭᠯᠡᠯ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠬᠦ ᠦᠷᠳᠡᠭᠡᠨ ᠤ | ᠪᠠᠶᠢᠭᠤᠯᠣᠯᠳᠠ ᠶᠢ ᠲᠡᠮᠵᠢᠬᠦ | 1. ᠲᠡᠮᠵᠢᠬᠦ ᠪᠠᠷᠢᠮᠵᠢᠶ᠎ᠠ | ︵1︶ ᠬᠡᠪ ᠤᠨ ᠠᠵᠢᠯᠯᠠᠮᠵᠢ ᠡᠵᠡᠩᠨᠡᠯᠳᠡ ᠶᠢᠨ 7 ᠲᠦᠷᠦᠯ ᠤᠨ ᠴᠢᠳᠠᠪᠬᠢ ᠲᠠᠢ ︵ᠣᠷᠣᠯᠠᠨ ᠬᠤᠳᠠᠯᠳᠣᠬᠤ | ᠣᠶᠢᠯᠡᠴᠢᠯᠡᠭᠡ᠂ ᠣᠷᠣᠯᠠᠨ ᠬᠤᠳᠠᠯᠳᠣᠨ ᠠᠪᠬᠤ ᠣᠶᠢᠯᠡᠴᠢᠯᠡᠭᠡ᠂ ᠠᠷᠠᠳ ᠲᠤ ᠲᠦᠬᠦᠮ ᠦᠵᠡᠭᠦᠯᠬᠦ ᠣᠶᠢᠯᠡᠴᠢᠯᠡᠭᠡ᠂ | ᠮᠦᠩᠭᠦᠨ ᠭᠦᠢᠯᠭᠡᠭᠡᠨ ᠤ ᠣᠶᠢᠯᠡᠴᠢᠯᠡᠭᠡ᠂ ᠮᠠᠯ ᠲᠠᠷᠢᠶᠠᠯᠠᠩ ᠤᠨ ᠮᠡᠷᠭᠡᠵᠢᠯ ᠤᠨ ᠣᠶᠢᠯᠡᠴᠢᠯᠡᠭᠡ᠂ ᠮᠡᠳᠡᠭᠡ ᠵᠠᠩᠬᠢ | ᠶᠢᠨ ᠣᠶᠢᠯᠡᠴᠢᠯᠡᠭᠡ᠂ ᠪᠣᠯᠪᠠᠰᠣᠷᠠᠯ ᠤᠨ ᠣᠶᠢᠯᠡᠴᠢᠯᠡᠭᠡ︶ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡᠨ ᠤ | ᠦᠷᠳᠡᠭᠡ ᠪᠠᠶᠢᠭᠤᠯᠪᠠᠯ᠂ ᠵᠠᠰᠠᠭ ᠤᠨ ᠣᠷᠳᠣᠨ ᠠᠴᠠ ᠨᠢᠭᠡᠯᠡ ᠣᠳᠠᠭ᠎ᠠ ᠪᠠᠷ 3 ᠲᠦᠮᠡᠨ ᠲᠦᠬᠦᠷᠢᠭ ᠢᠶᠠᠷ ᠲᠡᠮᠵᠢᠨ᠎ᠡ | ᠃ | ︵2︶ ᠮᠠᠯᠴᠢᠨ ᠲᠠᠷᠢᠶᠠᠴᠢᠨ ᠪᠣᠯᠣᠨ ᠮᠡᠯ ᠲᠠᠷᠢᠶᠠᠯᠠᠩ ᠤᠨ ᠣᠶᠢᠯᠠᠰ ᠤᠨ ᠬᠤᠷᠰᠢᠶᠠᠵᠢᠯ ᠵᠡᠷᠭᠡ ᠶᠢ | ᠬᠠᠪᠰᠣᠷᠣᠨ ᠰᠦᠯᠵᠢᠶᠡᠨ ᠪᠣᠷᠣᠯᠠᠭᠤᠯᠭ᠎ᠠ ᠶᠢᠨ ᠦᠷᠳᠡᠭ ᠢ 10 ᠲᠦᠮᠡᠨ ᠲᠦᠭᠦᠷᠢᠭ ᠠᠴᠠ ᠲᠠᠪᠠᠭᠤᠯᠣᠭᠰᠠᠨ | ᠦᠨᠳᠦᠰᠦᠨ ᠱᠠᠳᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡ ᠶᠢᠨ ᠦᠷᠳᠡᠭᠡ ᠶᠢ 1 ᠲᠦᠮᠡᠨ ᠲᠦᠭᠦᠷᠢᠭ | ᠢᠶᠠᠷ ᠱᠠᠩᠨᠠᠨ᠎ᠠ᠃ | ︵3︶ ᠮᠠᠯᠴᠢᠨ ᠲᠠᠷᠢᠶᠠᠴᠢᠳ ᠢ ᠬᠠᠪᠰᠣᠷᠣᠨ ᠰᠦᠯᠵᠢᠶ᠎ᠡ ᠪᠠᠷ ᠣᠶᠢᠯᠠᠳᠪᠦᠷᠢᠯᠡᠯ ᠠᠮᠢᠳᠣᠷᠠᠯ ᠤᠨ ᠬᠡᠷᠡᠭᠰᠡᠯ | ᠬᠤᠳᠠᠯᠳᠣᠨ ᠠᠪᠣᠭᠰᠠᠨ ᠵᠢᠯ ᠤᠨ ᠨᠣᠷᠮ᠎ᠠ 100 ᠲᠦᠮᠡᠨ ᠲᠦᠭᠦᠷᠢᠭ ᠠᠴᠠ ᠲᠠᠪᠠᠪᠠᠯ᠂ 1 ᠲᠦᠮᠡᠨ ᠲᠦᠭᠦᠷᠢᠭ | ᠢᠶᠠᠷ ᠱᠠᠩᠨᠠᠨ ᠬᠦᠬᠢᠭᠦᠯᠦᠨ᠎ᠡ᠃ | 2. ᠮᠡᠳᠡᠭᠦᠯᠬᠦ ᠮᠠᠲ᠋ᠧᠷᠢᠶᠠᠯ | ︵1︶ ᠠᠵᠣ ᠠᠬᠤᠶᠢᠯᠠᠯ ᠤᠨ ᠭᠤᠶᠣᠴᠢᠯᠠᠯ ᠤᠨ ᠪᠢᠴᠢᠭ ᠮᠠᠲ᠋ᠧᠷᠢᠶᠠᠯ ︵ᠪᠢᠴᠢᠭ ᠮᠠᠲ᠋ᠧᠷᠢᠶᠠᠯ ᠳᠤ ᠠᠯᠢ | ᠲᠦᠷᠦᠯ ᠤᠨ ᠨᠦᠬᠦᠪᠦᠷᠢ ᠶᠢᠨ ᠲᠦᠷᠦ ᠪᠣᠳᠣᠯᠭ᠎ᠠ ᠳᠤ ᠨᠡᠶᠢᠴᠡᠬᠦ ᠪᠠᠨ ᠲᠣᠳᠣᠷᠬᠠᠶᠢᠯᠠᠨ᠎ᠠ︶︔ | ︵2︶ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡ ᠶᠢᠨ ᠦᠷᠳᠡᠭᠡᠨ ᠤ ᠨᠡᠷᠡᠰ ᠤᠨ ᠪᠦᠷᠢᠳᠬᠡᠯ ︵ | ᠦᠷᠳᠡᠭᠡᠨ ᠤ ᠨᠡᠷᠡᠰ᠂ ᠬᠠᠶ᠋ᠢᠭ᠂ ᠬᠠᠣᠯᠢ ᠶᠢᠨ ᠡᠷᠬᠡᠳᠡᠨ᠂ ᠬᠠᠷᠢᠯᠴᠠᠬᠤ ᠠᠷᠭ᠎ᠠ ᠶᠢ ᠪᠠᠭᠳᠠᠭᠠᠨ᠎ᠠ︶︔ | ︵3︶ ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠬᠤᠳᠠᠯᠳᠣᠭᠠᠨ ᠤ ᠣᠶᠢᠯᠡᠴᠢᠯᠡᠭᠡ ᠶᠢᠨ ᠦᠷᠳᠡᠭᠡᠨ ᠤ | ᠰᠡᠭᠦᠳᠡᠷ ︵ᠭᠠᠳᠠᠨᠠᠬᠢ ᠨᠡᠷᠡᠶᠢᠳᠦᠯ᠂ ᠲᠣᠳᠣᠷᠠᠬᠢ ᠪᠠᠷᠠᠭᠠᠨ ᠲᠠᠯᠪᠢᠭᠤᠷ ᠵᠢᠴᠢ ᠪᠦᠳᠦᠭᠡᠭᠳᠡᠭᠦᠨ ᠢ ᠪᠠᠭᠳᠠᠭᠠᠨ᠎ᠠ︶︔ | ︵4︶ ᠰᠦᠯᠵᠢᠶᠡᠨ ᠪᠣᠷᠣᠯᠠᠭᠤᠯᠭ᠎ᠠ ᠶᠢᠨ ᠨᠣᠷᠮ᠎ᠠ ᠶᠢᠨ ᠭᠡᠷᠡᠴᠢ ᠮᠠᠲ᠋ᠧᠷᠢᠶᠠᠯ᠃ | ︵ᠲᠦᠷᠪᠡ︶ ᠰᠦᠯᠵᠢᠶᠡᠨ ᠬᠤᠳᠠᠯᠳᠣᠭᠠᠨ ᠤ ᠲᠣᠰᠬᠠᠢ ᠲᠦᠷᠦᠯ ᠤᠨ ᠪᠣᠯᠪᠠᠰᠣᠷᠠᠯ ᠢ ᠲᠡᠮᠵᠢᠬᠦ | 1. ᠲᠡᠮᠵᠢᠬᠦ ᠪᠠᠷᠢᠮᠵᠢᠶ᠎ᠠ | ᠵᠢᠯ ᠪᠣᠯᠭᠠᠨ ᠨᠡᠷᠡᠳᠦ ᠲᠣᠰᠬᠠᠢ ᠮᠡᠷᠭᠡᠵᠢᠯᠳᠡᠨ ᠣᠷᠢᠵᠣ ᠮᠠᠨ ᠤ ᠬᠤᠰᠢᠭᠤᠨ ᠤ ᠵᠢᠭᠤᠯᠴᠢᠯᠠᠯ᠂ ᠮᠠᠯ | ᠲᠠᠷᠢᠶᠠᠯᠠᠩ ᠤᠨ ᠣᠨᠴᠠ ᠭᠠᠷᠣᠯᠳᠠ᠂ ᠠᠵᠣ ᠣᠶᠢᠯᠠᠳᠪᠦᠷᠢ ᠶᠢᠨ ᠣᠨᠴᠠᠯᠢᠭᠳᠦ ᠣᠶᠢᠯᠠᠳᠬᠦᠨ ᠵᠡᠷᠭᠡ ᠠᠵᠢᠯ | ᠲᠦᠷᠦᠯ ᠤᠨ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠳᠤ ᠲᠣᠰᠬᠠᠢ ᠪᠣᠯᠪᠠᠰᠣᠷᠠᠯ ᠬᠦᠷᠳᠡᠭᠡᠨ᠎ᠡ᠃ | ᠭᠤᠣᠯᠳᠠᠯᠭᠠᠳᠦ ᠬᠠᠷᠠᠯᠳᠠ ᠪᠠᠨ ᠮᠠᠯᠵᠢᠬᠤ ᠲᠠᠷᠢᠶᠠᠯᠠᠬᠤ ᠣᠷᠣᠨ ᠤ ᠵᠠᠯᠠᠭᠤ ᠣᠶᠢᠯᠠᠰ ᠪᠣᠰᠬᠠᠭᠴᠢᠳ᠂ ᠬᠤᠳᠠ | ᠪᠠᠯᠭᠠᠰᠦ ᠶᠢᠨ ᠠᠵᠢᠯ ᠠᠯᠳᠠᠭᠰᠠᠨ ᠵᠠᠯᠠᠭᠤᠴᠣᠳ᠂ ᠵᠠᠯᠠᠭᠤᠴᠣᠳ ᠣᠶᠣᠳᠠᠳ ᠪᠣᠯᠣᠨ ᠣᠶᠢᠯᠠᠳᠪᠦᠷᠢᠯᠠᠯ᠂ | ᠭᠦᠢᠯᠭᠡᠭᠡ ᠶᠢᠨ ᠬᠦᠷᠢᠶ᠎ᠠ ᠴᠠᠷᠠᠭᠠᠨ ᠤ ᠠᠵᠣ ᠠᠬᠤᠶᠢᠯᠠᠯ ᠤᠨ ᠬᠠᠷᠢᠭᠤᠴᠠᠯᠭᠠᠳᠠᠨ ᠳᠤ ᠭᠤᠣᠯᠳᠠᠭᠤᠯᠣᠨ ᠲᠣᠰᠬᠠᠢ | ᠮᠡᠷᠭᠡᠵᠢᠯ ᠤᠨ ᠪᠣᠯᠪᠠᠰᠣᠷᠠᠯ ᠬᠦᠷᠳᠡᠭᠡᠵᠣ᠂ ᠰᠦᠯᠵᠢᠶᠡᠨ ᠡᠵᠡᠩᠨᠡᠯᠳᠡ ᠶᠢᠨ ᠴᠢᠳᠠᠪᠦᠷᠢᠳᠠᠳ ᠢ ᠬᠦᠮᠦᠵᠢᠭᠦᠯᠦᠨ᠎ᠡ᠃ | ᠠᠵᠢᠯ ᠲᠦᠷᠦᠯ ᠤᠨ ᠨᠡᠶᠢᠭᠡᠮᠯᠢᠭ᠂ ᠨᠡᠶᠢᠭᠡᠮ ᠤᠨ ᠪᠣᠯᠪᠠᠰᠣᠷᠠᠯ ᠤᠨ ᠪᠠᠶᠢᠭᠤᠯᠣᠮᠵᠢ᠂ ᠰᠦᠯᠵᠢᠶᠡᠨ ᠬᠤᠳᠠᠯᠳᠣᠭᠠᠨ ᠤ | ᠠᠵᠣ ᠠᠬᠤᠶᠢᠯᠠᠯ᠂ ᠠᠵᠢᠯᠯᠠᠮᠵᠢ ᠡᠵᠡᠩᠨᠡᠯᠳᠡ ᠶᠢᠨ ᠣᠶᠢᠯᠡᠴᠢᠯᠡᠭᠡᠨ ᠤ ᠪᠠᠶᠢᠭᠤᠯᠣᠮᠵᠢ ᠵᠡᠷᠭᠡ ᠠᠴᠠ ᠰᠦᠯᠵᠢᠶᠡᠨ | ᠬᠤᠳᠠᠯᠳᠣᠭᠠᠨ ᠤ ᠬᠡᠷᠡᠭᠯᠡᠭᠡᠨ ᠤ ᠲᠡᠭᠡᠳᠦ ᠬᠠᠮᠢᠶᠠᠷᠣᠯᠳᠠ ᠶᠢᠨ ᠪᠣᠯᠪᠠᠰᠣᠷᠠᠯ ᠪᠠ ᠰᠠᠭᠤᠷᠢ ᠬᠡᠷᠡᠭᠯᠡᠭᠡᠨ ᠤ ᠪᠣᠯᠪᠠᠰᠣᠷᠠᠯ | ᠦᠷᠨᠢᠭᠦᠯᠬᠦ ᠶᠢ ᠵᠣᠷᠢᠭᠵᠢᠭᠤᠯᠣᠨ᠂ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠴᠣᠬᠤᠯᠠᠪᠦᠷᠢᠯᠠᠭᠰᠠᠨ | ᠪᠣᠯᠪᠠᠰᠣᠷᠠᠯ ᠤᠨ ᠠᠭᠤᠯᠭ᠎ᠠ ᠵᠢᠴᠢ ᠲᠦᠷᠦᠯ ᠵᠣᠶᠢᠯ ᠳᠤ ᠨᠦᠬᠦᠪᠦᠷᠢ ᠣᠯᠭᠤᠨ᠂ ᠨᠦᠬᠦᠪᠦᠷᠢ ᠶᠢ ᠬᠦᠮᠦᠨ ᠪᠦᠷᠢ | ᠣᠳᠠᠭ᠎ᠠ ᠪᠣᠯᠭᠠᠨ 200 ᠲᠦᠭᠦᠷᠢᠭ ᠢᠶᠠᠷ ᠪᠠᠷᠢᠮᠵᠢᠶ᠎ᠠ ᠪᠣᠯᠭᠠᠨ᠎ᠠ᠃ | 2. ᠮᠡᠳᠡᠭᠦᠯᠬᠦ ᠮᠡᠲ᠋ᠧᠷᠢᠶᠠᠯ | ︵1︶ ᠠᠵᠣ ᠠᠬᠤᠶᠢᠯᠠᠯ ᠤᠨ ᠭᠤᠶᠣᠴᠢᠯᠠᠯ ᠤᠨ ᠪᠢᠴᠢᠭ ᠮᠠᠲ᠋ᠧᠷᠢᠶᠠᠯ ︵ᠪᠢᠴᠢᠭ ᠮᠠᠲ᠋ᠧᠷᠢᠶᠠᠯ ᠳᠤ ᠠᠯᠢ | ᠲᠦᠷᠦᠯ ᠤᠨ ᠨᠦᠬᠦᠪᠦᠷᠢ ᠶᠢᠨ ᠲᠦᠷᠦ ᠪᠣᠳᠣᠯᠭ᠎ᠠ ᠳᠤ ᠨᠡᠶᠢᠴᠡᠬᠦ ᠪᠠᠨ ᠲᠣᠳᠣᠷᠬᠠᠶᠢᠯᠠᠨ᠎ᠠ︶︔ | ︵2︶ ᠪᠣᠯᠪᠠᠰᠣᠷᠠᠯ ᠤᠨ ᠭᠤᠶᠣᠴᠢᠯᠠᠯᠳᠠ ᠪᠣᠯᠣᠨ ᠵᠦᠪᠰᠢᠶᠡᠷᠡᠯ ᠤᠨ ᠭᠡᠷᠡᠴᠢ︔ | ︵3︶ ᠪᠣᠯᠪᠠᠰᠣᠷᠠᠯ ᠤᠨ ᠬᠠᠮᠢᠶᠠᠷᠣᠯᠳᠠ ᠶᠢᠨ ᠠᠷᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠪᠣᠯᠪᠠᠰᠣᠷᠠᠯ ᠤᠨ ᠨᠠᠷᠡᠶᠢᠳᠦᠯ᠂ ᠪᠣᠯᠪᠠᠰᠣᠷᠠᠯ ᠤᠨ ᠪᠠᠶᠢᠭᠤᠯᠣᠮᠵᠢ᠂ ᠡᠳᠡᠭᠡᠳ᠂ ᠠᠭᠤᠯᠭ᠎ᠠ᠂ ᠴᠠᠭ ᠬᠤᠭᠤᠴᠠᠭ᠎ᠠ᠂ | ᠭᠠᠵᠠᠷ ᠣᠷᠣᠨ᠂ ᠣᠷᠣᠯᠴᠠᠭᠰᠠᠳ ᠤᠨ ᠲᠤᠭ᠎ᠠ ᠵᠡᠷᠭᠡ ᠶᠢ ᠪᠠᠭᠳᠠᠭᠠᠭᠰᠠᠨ ᠪᠣᠯᠪᠠᠰᠣᠷᠠᠯ ᠤᠨ ᠪᠦᠷᠢᠳᠬᠡᠯ ᠢᠶᠠᠨ | ᠬᠠᠩᠭᠠᠵᠣ᠂ ᠮᠠᠯᠵᠢᠬᠤ ᠲᠠᠷᠢᠶᠠᠯᠠᠬᠤ ᠣᠷᠣᠨ ᠤ ᠵᠠᠯᠠᠭᠤᠴᠣᠳ ᠤᠨ ᠰᠦᠯᠵᠢᠶᠡᠨ ᠬᠤᠳᠠᠯᠳᠣᠭᠠᠨ ᠤ ᠣᠶᠢᠯᠠᠰ | ᠡᠷᠬᠢᠯᠡᠬᠦ ᠱᠠᠭᠠᠷᠳᠠᠯᠭ᠎ᠠ ᠳᠤ ᠴᠢᠭᠯᠡᠭᠦᠯᠦᠨ ᠵᠠᠬ᠎ᠠ ᠲᠡᠯᠭᠡᠭᠦᠷᠴᠢᠯᠡᠭᠰᠡᠨ ᠪᠣᠶᠣ ᠨᠡᠶᠢᠳᠡ ᠤᠨ ᠠᠰᠢᠭᠳᠦ ᠴᠢᠨᠠᠷ ᠲᠤ | ᠵᠣᠷᠢᠭᠤᠯᠣᠭᠰᠠᠨ ᠡᠰᠡᠬᠦ ᠪᠠᠨ ᠲᠣᠳᠣᠷᠬᠠᠶᠢᠯᠠᠨ᠎ᠠ︔ | ︵4︶ ᠪᠣᠯᠪᠠᠰᠣᠷᠠᠯ ᠤᠨ ᠮᠡᠳᠡᠭᠳᠡᠯ ︵ᠵᠠᠷᠣᠳᠠᠯ ᠬᠤᠷᠢᠶᠠᠬᠤ ᠪᠠᠷᠢᠮᠵᠢᠶ᠎ᠠ᠂ ᠪᠣᠯᠪᠠᠰᠣᠷᠠᠯ ᠤᠨ ᠬᠦᠷᠢᠶ᠎ᠡ | ᠬᠡᠪᠴᠢᠶ᠎ᠡ ᠵᠡᠷᠭᠡ ᠮᠡᠳᠡᠭᠡ ᠵᠠᠩᠬᠢ︶᠂ ᠬᠡᠴᠢᠶᠡᠯᠯᠡᠭᠡ ᠶᠢᠨ ᠡᠯᠧᠺᠲᠷᠣᠨ ᠪᠡᠯᠡᠳᠬᠡᠯ᠂ ᠠᠬᠤᠢ ᠲᠠᠯᠠᠪᠠᠢ ᠶᠢᠨ ᠰᠡᠭᠦᠳᠡᠷ᠂ | ᠨᠡᠷᠡᠰ ᠵᠢᠭᠳᠡ᠂ ᠨᠡᠷ᠎ᠡ ᠪᠦᠷᠢᠳᠬᠡᠭᠰᠡᠨ ᠬᠦᠨᠦᠰᠦᠭᠳᠦ᠂ ᠪᠣᠯᠪᠠᠰᠣᠷᠠᠯ ᠤᠨ ᠲᠣᠪᠴᠢ ᠲᠡᠮᠳᠡᠭᠯᠡᠯ᠂ ᠳ᠋ᠦᠩᠨᠡᠯᠳᠡ ᠵᠡᠷᠭᠡ | ᠬᠡᠷᠡᠴᠢ ᠮᠡᠲ᠋ᠧᠷᠢᠶᠠᠯ︔ | ︵5︶ ᠰᠦᠯᠵᠢᠶᠡᠨ ᠲᠡᠭᠡᠷ᠎ᠡ ᠰᠦᠯᠵᠢᠶᠡᠨ ᠬᠤᠳᠠᠯᠳᠣᠭᠠᠨ ᠤ ᠦᠨᠳᠦᠰᠦᠨ ᠮᠡᠳᠡᠭᠡ ᠶᠢ ᠲᠦᠭᠡᠮᠡᠯᠵᠢᠭᠦᠯᠬᠦ | ᠲᠦᠯᠦᠪᠦᠷᠢ ᠦᠭᠡᠢ ᠪᠣᠯᠪᠠᠰᠣᠷᠠᠯ ᠦᠷᠨᠢᠭᠦᠯᠦᠭᠰᠡᠨ ᠰᠦᠯᠵᠢᠶᠡᠨ ᠦᠷᠳᠡᠭᠡ ᠪᠣᠶᠣ ᠣᠯᠠᠨ ᠨᠡᠶᠢᠳᠡ ᠶᠢᠨ ᠸᠢᠴᠠᠲ | ᠲᠠᠪᠴᠠᠩ ᠪᠣᠯᠣᠨ ᠡᠰᠬᠡᠮᠡᠯ ᠵᠢᠷᠤᠭ ᠵᠡᠷᠭᠡ ᠭᠡᠷᠡᠴᠢ ᠮᠠᠲ᠋ᠧᠷᠢᠶᠠᠯ ᠬᠠᠩᠭᠠᠨ᠎ᠠ︔ | ︵ᠲᠠᠪᠤ︶ ᠬᠦᠮᠦᠷᠭᠡᠯᠡᠯᠳᠡ ᠭᠦᠢᠯᠭᠡᠭᠡ ᠬᠦᠷᠭᠡᠯᠳᠡ ᠶᠢ ᠲᠡᠮᠵᠢᠬᠦ | 1. ᠲᠡᠮᠵᠢᠬᠦ ᠪᠠᠷᠢᠮᠵᠢᠶ᠎ᠡ | ︵1︶ ᠦᠪᠡᠷᠳᠡᠭᠡᠨ ᠪᠠᠶᠢᠭᠤᠯᠣᠭᠰᠠᠨ ᠬᠦᠮᠦᠷᠭᠡ ᠶᠢᠨ ᠪᠠᠷᠢᠯᠭ᠎ᠠ ᠶᠢᠨ ᠲᠠᠯᠠᠪᠠᠢ 500 ᠲᠡᠭᠰᠢ ᠲᠦᠷᠪᠡᠯᠵᠢᠨ | ᠮᠧᠲᠷ ᠠᠴᠠ ᠲᠠᠪᠠᠭᠰᠠᠨ ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠳᠤ ᠨᠢᠭᠡᠯᠡ ᠣᠳᠠᠭ᠎ᠠ ᠪᠠᠷ 50 ᠲᠦᠮᠡᠨ | ᠲᠦᠭᠦᠷᠢᠭ ᠤᠨ ᠰᠠᠭᠤᠷᠢ ᠲᠦᠬᠦᠭᠡᠷᠦᠮᠵᠢ ᠶᠢᠨ ᠨᠦᠬᠦᠪᠦᠷᠢ ᠮᠦᠩᠭᠦ ᠣᠯᠭᠤᠨ᠎ᠠ︔ | ︵2︶ ᠭᠠᠴᠠᠭ᠎ᠠ ᠲᠣᠰᠬᠤᠨ ᠳᠤ ᠲᠠᠮᠵᠢᠭᠤᠯᠬᠤ ᠦᠷᠳᠡᠭᠡ ᠪᠠᠶᠢᠭᠤᠯᠣᠨ᠂ 15 ᠠᠴᠠ ᠲᠡᠭᠡᠭᠰᠢ ᠪᠠᠶᠢᠭᠤᠯᠪᠠᠯ᠂ | ᠨᠢᠭᠡᠯᠡ ᠣᠳᠠᠭ᠎ᠠ ᠪᠠᠷ 5 ᠲᠦᠮᠡᠨ ᠲᠦᠭᠦᠷᠢᠭ ᠢᠶᠠᠷ ᠱᠠᠩᠨᠠᠨ᠎ᠠ︔ ᠲᠠᠮᠵᠢᠭᠤᠯᠬᠤ ᠦᠷᠳᠡᠭᠡ 25 ᠠᠴᠠ ᠲᠠᠪᠠᠪᠠᠯ | ᠨᠢᠭᠡᠯᠡ ᠣᠳᠠᠭ᠎ᠠ ᠪᠠᠷ 10 ᠲᠦᠮᠡᠨ ᠲᠦᠭᠦᠷᠢᠭ ᠢᠶᠠᠷ ᠱᠠᠩᠨᠠᠨ ᠬᠦᠬᠢᠭᠦᠯᠦᠨ᠎ᠡ︔ ᠲᠠᠮᠵᠢᠭᠤᠯᠬᠤ ᠦᠷᠳᠡᠭᠡᠨ ᠤ | ᠣᠶᠢᠯᠡᠴᠢᠯᠡᠭᠡ 80% ᠠᠴᠠ ᠲᠡᠭᠡᠭᠰᠢᠬᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢ ᠬᠠᠮᠣᠷᠪᠠᠯ᠂ ᠵᠢᠯ ᠪᠣᠯᠭᠠᠨ | ᠲᠠᠮᠵᠢᠭᠤᠯᠬᠤ ᠦᠷᠳᠡᠭᠡ ᠪᠦᠷᠢ ᠳᠤ ᠠᠵᠢᠯᠯᠠᠮᠵᠢ ᠡᠵᠡᠩᠨᠡᠯᠳᠡ ᠬᠠᠮᠢᠶᠠᠷᠣᠯᠳᠠ ᠶᠢᠨ ᠵᠠᠷᠣᠳᠠᠯ 2 ᠲᠦᠮᠡᠨ ᠲᠦᠬᠦᠷᠢᠭ | ᠨᠦᠬᠦᠪᠦᠷᠢᠯᠡᠨ᠎ᠠ᠃ | 2. ᠮᠡᠳᠡᠭᠦᠯᠬᠦ ᠮᠠᠲ᠋ᠧᠷᠢᠶᠠᠯ | ︵1︶ ᠠᠵᠣ ᠠᠬᠤᠶᠢᠯᠠᠯ ᠤᠨ ᠭᠤᠶᠣᠴᠢᠯᠠᠯ ᠤᠨ ᠪᠢᠴᠢᠭ ᠮᠠᠲ᠋ᠧᠷᠢᠶᠠᠯ ︵ᠪᠢᠴᠢᠭ ᠮᠠᠲ᠋ᠧᠷᠢᠶᠠᠯ ᠳᠤ ᠠᠯᠢ | ᠲᠦᠷᠦᠯ ᠤᠨ ᠨᠦᠬᠦᠪᠦᠷᠢ ᠶᠢᠨ ᠲᠦᠷᠦ ᠪᠣᠳᠣᠯᠭ᠎ᠠ ᠳᠤ ᠨᠡᠶᠢᠴᠡᠬᠦ ᠪᠠᠨ ᠲᠣᠳᠣᠷᠬᠠᠶᠢᠯᠠᠨ᠎ᠠ︶︔ | ︵2︶ ᠪᠣᠳᠠᠰ ᠤᠨ ᠭᠦᠢᠯᠭᠡᠭᠡᠨ ᠤ ᠬᠦᠮᠦᠷᠭᠡᠯᠡᠬᠦ ᠲᠦᠬᠦᠭᠡᠷᠦᠮᠵᠢ ᠶᠢᠨ ᠪᠠᠶᠢᠭᠤᠯᠣᠯᠳᠠ ᠪᠣᠶᠣ ᠬᠤᠳᠠᠯᠳᠣᠨ | ᠠᠪᠣᠭᠰᠠᠨ ᠲᠡᠮᠳᠡᠭᠯᠡᠯ ︵ᠵᠠᠷᠣᠳᠠᠯ ᠤᠨ ᠨᠠᠷᠢᠨ ᠲᠠᠩᠰᠠ ᠵᠢᠴᠢ ᠪᠠᠷᠢᠮᠳᠠ ᠵᠡᠷᠭᠡ︶︔ | ︵3︶ ᠪᠣᠳᠠᠰ ᠤᠨ ᠭᠦᠢᠯᠭᠡᠭᠡᠨ ᠤ ᠬᠦᠮᠦᠷᠭᠡᠯᠡᠯᠳᠡ ᠶᠢᠨ ᠠᠵᠣ ᠠᠬᠤᠶᠢᠯᠠᠯ ᠶᠢᠨ ᠨᠡᠷᠡᠰ ︵ᠠᠵᠣ ᠠᠬᠤᠶᠢᠯᠠᠯ | ᠤᠨ ᠨᠡᠷᠡᠶᠢᠳᠦᠯ᠂ ᠲᠠᠩᠰᠠᠯᠠᠭᠰᠠ ᠬᠠᠶ᠋ᠢᠭ᠂ ᠬᠠᠣᠯᠢ ᠶᠢᠨ ᠡᠷᠬᠡᠳᠡᠨ᠂ ᠬᠠᠷᠢᠯᠴᠠᠬᠤ ᠠᠷᠭ᠎ᠠ ᠵᠡᠷᠭᠡ ᠶᠢ | ᠪᠠᠭᠳᠠᠭᠠᠨ᠎ᠠ︶︔ | ︵4︶ ᠰᠦᠯᠵᠢᠶᠡᠨ ᠪᠣᠷᠣᠯᠠᠭᠤᠯᠭ᠎ᠠ ᠶᠢᠨ ᠪᠦᠳᠦᠭᠡᠭᠳᠡᠭᠦᠨ ︵2.5 ᠺᠢᠯᠣᠭ᠍ᠷᠠᠮ ᠠᠴᠠ ᠲᠡᠭᠡᠭᠰᠢ︶ ᠤ ᠪᠣᠳᠠᠰ | ᠤᠨ ᠭᠦᠢᠯᠭᠡᠭᠡᠨ ᠤ ᠬᠦᠷᠭᠡᠯᠳᠡ ᠶᠢᠨ ᠲᠡᠮᠳᠡᠭᠯᠡᠯ ᠵᠢᠴᠢ ᠪᠣᠳᠠᠰ ᠤᠨ ᠭᠦᠢᠯᠭᠡᠭᠡᠨ ᠤ ᠬᠠᠭᠤᠳᠠᠰᠣ᠃ | ︵ᠵᠢᠷᠭᠤᠭ᠎ᠠ︶ ᠣᠶᠣᠳᠠᠳ ᠲᠤ ᠠᠵᠢᠯ ᠣᠯᠭᠤᠬᠤ ᠶᠢ ᠲᠡᠮᠵᠢᠬᠦ | 1. ᠲᠡᠮᠵᠢᠬᠦ ᠪᠠᠷᠢᠮᠵᠢᠶ᠎ᠠ | ᠰᠦᠯᠵᠢᠶᠡᠨ ᠬᠤᠳᠠᠯᠳᠣᠭᠠᠨ ᠤ ᠠᠵᠣ ᠠᠬᠤᠶᠢᠯᠠᠯ ᠣᠶᠣᠳᠠᠳ ᠲᠤ ᠠᠵᠢᠯ ᠣᠯᠭᠤᠵᠣ᠂ ᠨᠢᠭᠡ ᠵᠢᠯ ᠠᠴᠠ ᠲᠡᠭᠡᠭᠰᠢ | ᠬᠦᠳᠡᠯᠮᠦᠷᠢ ᠶᠢᠨ ᠭᠡᠷ᠎ᠡ ᠲᠣᠭᠳᠠᠵᠣ ᠭᠡᠷ᠎ᠡ ᠪᠠᠨ ᠭᠦᠢᠴᠡᠳᠬᠡᠬᠦ ᠶᠢᠨ ᠬᠠᠮᠳᠦ ᠣᠶᠣᠳᠠᠳ ᠢ ᠨᠡᠶᠢᠭᠡᠮ ᠤᠨ ᠲᠠᠭᠠᠳᠬᠠᠯ | ᠤᠨ ᠣᠷᠣᠭᠤᠯᠪᠠᠯ᠂ ᠠᠵᠣ ᠠᠬᠤᠶᠢᠯᠠᠯ ᠢ ᠨᠢᠭᠡᠯᠡ ᠣᠳᠠᠭ᠎ᠠ ᠳᠤ ᠬᠦᠮᠦᠨ ᠲᠣᠳᠣᠮ 2000 ᠲᠦᠭᠦᠷᠢᠭ ᠤᠨ | ᠪᠠᠷᠢᠮᠵᠢᠶ᠎ᠠ ᠪᠠᠷ ᠱᠠᠩᠨᠠᠨ ᠬᠦᠬᠢᠭᠦᠯᠵᠣ ︵ᠡᠮᠡᠭᠳᠡᠢ ᠣᠶᠣᠳᠠᠳ ᠪᠣᠯ ᠬᠦᠮᠦᠨ ᠲᠣᠳᠣᠮ 3000 ᠲᠦᠭᠦᠷᠢᠭ ᠤᠨ | ᠪᠠᠷᠢᠮᠵᠢᠶ᠎ᠠ ᠪᠠᠷ ᠱᠠᠩᠨᠠᠨ᠎ᠠ︶᠂ ᠱᠠᠩᠨᠠᠨ ᠬᠦᠬᠢᠭᠦᠯᠬᠦ ᠬᠦᠮᠦᠨ ᠤ ᠲᠤᠭ᠎ᠠ 20 ᠠᠴᠠ ᠬᠡᠳᠦᠷᠡᠵᠣ ᠪᠣᠯᠬᠤ ᠦᠭᠡᠢ᠃ | 2. ᠮᠡᠳᠡᠭᠦᠯᠬᠦ ᠮᠠᠲ᠋ᠧᠷᠢᠶᠠᠯ | ︵1︶ ᠠᠵᠢᠯ ᠣᠯᠣᠭᠰᠠᠨ ᠣᠶᠣᠳᠠᠳ ᠤᠨ ᠰᠣᠷᠣᠯᠭ᠎ᠠ ᠶᠢᠨ ᠨᠠᠮᠳᠠᠷ ᠤᠨ ᠦᠨᠡᠮᠯᠡᠯ︔ | ︵2︶ ᠠᠵᠢᠯ ᠤᠨ ᠭᠡᠷ᠎ᠡ︔ | ︵3︶ ᠨᠡᠶᠢᠭᠡᠮ ᠤᠨ ᠲᠠᠭᠠᠳᠬᠠᠯ ᠤᠨ ᠭᠡᠷᠡᠴᠢ ᠪᠠᠷᠢᠮᠳᠠ᠃ | ︵ᠲᠣᠯᠤᠭ᠎ᠠ︶ ᠰᠦᠯᠵᠢᠶᠡᠨ ᠬᠤᠳᠠᠯᠳᠣᠭᠠᠨ ᠤ ᠲᠠᠭᠤᠷᠢᠶᠠᠯ ᠤᠨ ᠪᠠᠶᠢᠭᠤᠯᠣᠯᠳᠠ ᠶᠢ ᠲᠡᠮᠵᠢᠬᠦ | 1. ᠲᠡᠮᠵᠢᠬᠦ ᠪᠠᠷᠢᠮᠵᠢᠶ᠎ᠠ | ︵1︶ ᠵᠢᠯ ᠪᠣᠯᠭᠠᠨ ᠬᠤᠰᠢᠭᠤᠨ ᠤ ᠬᠡᠪᠴᠢᠶᠡᠨ ᠳᠤ ︽ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ | ᠠᠵᠣ ᠠᠬᠤᠢ ᠶᠢᠨ ᠲᠠᠭᠤᠷᠢᠶᠠᠯ ᠠᠵᠣ ᠠᠬᠤᠶᠢᠯᠠᠯ ︵1︶︾᠂ ︽ᠣᠳᠤᠭ ᠤᠨ ᠡᠮᠦᠨᠡᠳᠦ ᠬᠤᠰᠢᠭᠤᠨ ᠤ | ᠰᠦᠯᠵᠢᠶᠡᠨ ᠠᠵᠣ ᠠᠬᠤᠢ ᠶᠢᠨ ᠨᠡᠷᠡᠳᠦ ᠰᠦᠯᠵᠢᠶᠡᠨ ᠦᠷᠳᠡᠭᠡ ︵1︶︾ ᠪᠣᠯᠣᠨ ︽ᠣᠳᠤᠭ ᠤᠨ ᠡᠮᠦᠨᠡᠳᠦ | ᠬᠤᠰᠢᠭᠤᠨ ᠤ ᠰᠦᠯᠵᠢᠶᠡᠨ ᠠᠵᠣ ᠠᠬᠤᠢ ᠶᠢᠨ ᠲᠡᠳᠬᠦᠯᠳᠡᠨ ︵1︶︾ ᠢ ᠰᠣᠩᠭᠤᠨ ᠱᠠᠩᠨᠠᠨ ᠬᠦᠬᠢᠭᠦᠯᠬᠦ | ᠠᠵᠢᠯᠯᠠᠭ᠎ᠠ ᠦᠷᠨᠢᠭᠦᠯᠦᠨ᠎ᠡ᠃ ︽ᠲᠠᠭᠤᠷᠢᠶᠠᠯ ᠠᠵᠣ ᠠᠬᠤᠶᠢᠯᠠᠯ︾᠂ ︽ᠨᠡᠷᠡᠳᠦ ᠰᠦᠯᠵᠢᠶᠡᠨ ᠦᠷᠳᠡᠭᠡ︾ ᠪᠣᠯᠣᠨ | ︽ᠰᠦᠯᠵᠢᠶᠡᠨ ᠠᠵᠣ ᠠᠬᠤᠢ ᠶᠢᠨ ᠲᠡᠳᠬᠦᠯᠳᠡᠨ︾ ᠢ ᠲᠣᠰ ᠪᠦᠷᠢ 10 ᠲᠦᠮᠡᠨ ᠲᠦᠭᠦᠷᠢᠭ ᠢᠶᠠᠷ ᠱᠠᠩᠨᠠᠨ᠎ᠠ᠃ | ︵2︶ ᠰᠦᠯᠵᠢᠶᠠᠨ ᠬᠤᠳᠠᠯᠳᠣᠭᠠᠨ ᠤ ᠠᠵᠣ ᠠᠬᠤᠶᠢᠯᠠᠯ ᠣᠯᠣᠰ᠂ ᠣᠷᠣᠨ᠂ ᠬᠤᠳᠠ ᠶᠢᠨ ᠲᠡᠰ ᠤᠨ | ᠶᠡᠷᠦᠩᠬᠡᠶᠢᠯᠡᠭᠰᠡᠨ ᠰᠢᠯᠭᠠᠨ ᠲᠣᠭᠳᠠᠭᠠᠯᠳᠠ ᠳᠤ ᠢᠷᠠᠭᠤ ᠠᠯᠳᠠᠷ ᠤᠨ ᠴᠣᠯᠠ ᠣᠯᠪᠠᠯ᠂ ᠨᠢᠭᠡᠯᠡ ᠣᠳᠠᠭ᠎ᠠ ᠪᠠᠷ | 100 ᠲᠦᠮᠡ᠂ 30 ᠲᠦᠮᠡ᠂ 10 ᠲᠦᠮᠡᠨ ᠲᠦᠭᠦᠷᠢᠭ ᠢᠶᠠᠷ ᠱᠠᠩᠨᠠᠨ᠎ᠠ᠃ | 2. ᠮᠡᠳᠡᠭᠦᠯᠬᠦ ᠮᠠᠲ᠋ᠧᠷᠢᠶᠠᠯ | ᠡᠯ᠎ᠡ ᠲᠦᠷᠦᠯ ᠤᠨ ᠰᠢᠯᠭᠠᠷᠠᠭᠤᠯᠣᠯᠳᠠ ᠳᠤ ᠣᠯᠣᠭᠰᠠᠨ ᠢᠷᠠᠭᠤ ᠠᠯᠳᠠᠷ ᠤᠨ ᠦᠨᠡᠮᠯᠡᠯ ᠤᠨ ᠬᠠᠭᠤᠯᠪᠣᠷᠢ᠃ | ︵ᠨᠠᠢᠮᠠ︶ ᠮᠦᠩᠭᠦᠨ ᠭᠦᠢᠯᠭᠡᠭᠡᠨ ᠤ ᠲᠠᠮ ᠬᠦᠣ ᠲᠠᠢ ᠵᠢᠭᠡᠯᠡᠯᠭᠡ ᠪᠠᠷ ᠲᠡᠮᠵᠢᠬᠦ | 1. ᠲᠡᠮᠵᠢᠬᠦ ᠪᠠᠷᠢᠮᠵᠢᠶ᠎ᠠ | ᠰᠦᠯᠵᠢᠶᠡᠨ ᠬᠤᠳᠠᠯᠳᠣᠭᠠᠨ ᠤ ᠠᠵᠣ ᠣᠶᠢᠯᠠᠰ ᠤᠨ ᠠᠵᠣ ᠠᠬᠤᠶᠢᠯᠠᠯ ᠤᠳ ᠤᠨ ᠡᠯ᠎ᠡ ᠲᠦᠷᠦᠯ ᠤᠨ | ᠴᠣᠬᠤᠯᠠᠪᠦᠷᠢᠯᠠᠯᠳᠠ ᠶᠢᠨ ᠭᠠᠷ ᠭᠦᠢᠴᠡᠳᠭᠡᠯ ᠪᠦᠷᠢᠨ᠂ ᠲᠣᠭᠳᠠᠭᠰᠠᠨ ᠡᠵᠡᠩᠨᠡᠯᠳᠡ ᠶᠢᠨ ᠲᠠᠯᠠᠪᠠᠢ ᠲᠠᠢ᠂ | ᠲᠣᠬᠠᠶᠢᠯᠠᠭᠰᠠᠨ ᠠᠵᠢᠯ ᠢᠶᠠᠨ ᠪᠦᠬᠦ ᠲᠠᠯ᠎ᠠ ᠪᠠᠷ ᠦᠷᠨᠢᠭᠦᠯᠵᠣ᠂ ᠬᠢᠨᠠᠨ ᠰᠢᠯᠭᠠᠯᠳᠠ ᠪᠠᠷ ᠬᠡᠪ ᠤᠨ ᠠᠵᠢᠯᠯᠠᠮᠵᠢ | ᠡᠵᠡᠩᠨᠡᠯᠳᠡ 1 ᠵᠢᠯ ᠠᠴᠠ ᠲᠡᠭᠡᠭᠰᠢ ᠪᠣᠯᠣᠭᠰᠠᠨ ᠠᠵᠣ ᠠᠬᠤᠶᠢᠯᠠᠯ ᠪᠦᠬᠦᠨ ᠳᠤ ᠵᠠᠰᠠᠭ ᠤᠨ ᠣᠷᠳᠣᠨ ᠠᠴᠠ 20 | ᠲᠦᠮᠡᠨ ᠲᠦᠭᠦᠷᠢᠭ ᠤᠨ ᠬᠦᠣ ᠮᠦᠩᠭᠦ ᠦᠭᠡᠢ ᠡᠷᠬᠢᠯᠳᠡᠳᠦ ᠪᠡᠯᠡ ᠮᠦᠩᠭᠦ ᠣᠯᠭᠤᠵᠣ᠂ ᠨᠢᠭᠡ ᠵᠢᠯ ᠳᠤ ᠨᠢᠭᠡ | ᠣᠳᠠᠭ᠎ᠠ ᠪᠣᠴᠠᠭᠠᠨ᠎ᠠ᠃ ᠲᠦᠷᠦᠯ ᠵᠣᠶᠢᠯ ᠤᠨ ᠠᠵᠢᠯᠯᠠᠮᠵᠢ ᠶᠢᠨ ᠪᠠᠶᠢᠳᠠᠯ ᠢ ᠦᠨᠳᠦᠰᠦᠯᠡᠨ ᠲᠠᠬᠢᠨ ᠭᠤᠶᠣᠪᠴᠢᠯᠠᠵᠣ | ᠂ ᠲᠠᠬᠢᠨ ᠲᠡᠮᠵᠢᠵᠣ ᠪᠣᠯᠣᠨ᠎ᠠ᠃ | 2. ᠮᠡᠳᠡᠭᠦᠯᠬᠦ ᠮᠠᠲ᠋ᠧᠷᠢᠶᠠᠯ | ︵1︶ ᠠᠵᠣ ᠠᠬᠤᠶᠢᠯᠠᠯ ᠤᠨ ᠭᠤᠶᠣᠴᠢᠯᠠᠯ ᠤᠨ ᠪᠢᠴᠢᠭ ᠮᠠᠲ᠋ᠧᠷᠢᠶᠠᠯ︔ | ︵2︶ ᠲᠦᠷᠦᠯ ᠵᠣᠶᠢᠯ ᠤᠨ ᠪᠠᠶᠢᠭᠤᠯᠣᠯᠳᠠ ᠶᠢᠨ ᠲᠦᠰᠦᠯ ︵ᠭᠤᠷᠪᠠᠳᠦᠭᠠᠷ ᠡᠳᠡᠭᠡᠳ ᠤᠨ ᠲᠠᠪᠴᠠᠩ ᠢ | ᠬᠡᠷᠡᠭᠯᠡᠨ ᠰᠦᠯᠵᠢᠶᠡᠨ ᠬᠤᠳᠠᠯᠳᠤᠭ᠎ᠠ ᠡᠷᠬᠢᠯᠡᠵᠣ ᠪᠠᠶᠢᠭ᠎ᠠ ᠠᠵᠣ ᠠᠬᠤᠶᠢᠯᠠᠯ ᠢ ᠪᠠᠭᠳᠠᠭᠠᠬᠤ ᠦᠭᠡᠢ︶᠂ ᠲᠦᠷᠦᠯ | ᠵᠣᠶᠢᠯ ᠤᠨ ᠪᠠᠶᠢᠭᠤᠯᠣᠯᠳᠠ ᠶᠢᠨ ᠲᠦᠰᠦᠯ ᠳᠤ᠄ ᠲᠦᠷᠦᠯ ᠵᠣᠶᠢᠯ ᠤᠨ ᠨᠡᠷᠡᠶᠢᠳᠦᠯ᠂ ᠲᠦᠷᠦᠯ ᠵᠣᠶᠢᠯ ᠤᠨ | ᠪᠠᠶᠢᠭᠤᠯᠭ᠎ᠠ᠂ ᠬᠠᠣᠯᠢ ᠶᠢᠨ ᠡᠷᠬᠡᠳᠡᠨ ᠤ ᠲᠦᠯᠦᠭᠡᠯᠡᠭᠴᠢ᠂ ᠬᠠᠷᠢᠯᠴᠠᠬᠤ ᠠᠷᠭ᠎ᠠ᠂ ᠲᠦᠷᠦᠯ ᠵᠣᠶᠢᠯ ᠤᠨ | ᠪᠠᠶᠢᠭᠤᠯᠣᠯᠳᠠ ᠶᠢᠨ ᠭᠠᠵᠠᠷ᠂ ᠴᠠᠭ ᠬᠤᠭᠤᠴᠠᠭᠠᠨ ᠤ ᠬᠢᠵᠠᠭᠠᠷ ᠵᠢᠴᠢ ᠪᠠᠶᠢᠭᠤᠯᠣᠯᠳᠠ ᠶᠢᠨ ᠠᠬᠢᠴᠠ᠂ ᠭᠤᠣᠯ | ᠪᠠᠶᠢᠭᠤᠯᠣᠯᠳᠠ ᠶᠢᠨ ᠠᠭᠤᠯᠭ᠎ᠠ ︿ᠭᠤᠣᠯ ᠲᠦᠬᠦᠭᠡᠷᠦᠮᠵᠢ᠂ ᠲᠦᠬᠦᠭᠡᠷᠦᠮᠵᠢ ᠶᠢᠨ ᠪᠠᠶᠢᠷᠢᠯᠠᠭᠤᠯᠣᠯᠳᠠ ᠵᠡᠷᠭᠡ ᠶᠢ | ᠪᠠᠭᠳᠠᠭᠠᠨ᠎ᠠ﹀᠂ ᠶᠡᠷᠦᠩᠬᠡᠢ ᠪᠡᠯᠡ ᠣᠷᠣᠭᠤᠯᠣᠯᠳᠠ ᠵᠢᠴᠢ ᠪᠡᠯᠡ ᠮᠦᠩᠭᠦᠨ ᠤ ᠢᠷᠡᠯᠳᠡ᠂ ᠪᠠᠶᠢᠭᠤᠯᠣᠭᠰᠠᠨ ᠤ | ᠲᠠᠷᠠᠭᠠᠬᠢ ᠠᠵᠣ ᠠᠬᠤᠢ ᠪᠠ ᠨᠡᠶᠢᠭᠡᠮ ᠤᠨ ᠦᠷ᠎ᠡ ᠠᠰᠢᠭ ᠵᠡᠷᠭᠡ ᠶᠢ ᠪᠠᠭᠳᠠᠭᠠᠨ᠎ᠠ︔ | ︵3︶ ᠨᠢᠭᠳᠠᠯᠠᠨ ᠪᠣᠳᠣᠯᠳᠠ ᠶᠢᠨ ᠠᠵᠢᠯ ᠤᠨ ᠭᠠᠵᠠᠷ ᠤᠨ ᠬᠢᠨᠠᠨ ᠪᠣᠳᠣᠯᠳᠠ ᠪᠠᠷ ᠲᠠᠮᠵᠢᠭᠰᠠᠨ᠂ ᠲᠡᠭᠡᠷ᠎ᠡ | ᠵᠢᠯ ᠤᠨ ᠨᠢᠭᠳᠠᠯᠠᠨ ᠪᠣᠳᠣᠭᠰᠠᠨ ᠬᠦᠰᠦᠨᠦᠭᠳᠦ ᠪᠣᠯᠣᠨ ᠬᠢᠨᠠᠨ ᠪᠣᠳᠣᠭᠰᠠᠨ ᠮᠡᠳᠡᠭᠦᠯᠦᠯᠳᠡ ︵ᠬᠠᠭᠤᠯᠪᠣᠷᠢ︶᠂ | ᠰᠢᠨ᠎ᠠ ᠪᠠᠷ ᠲᠠᠩᠰᠠᠯᠠᠭᠰᠠᠨ ᠠᠵᠣ ᠠᠬᠤᠶᠢᠯᠠᠯ ᠳᠤ ᠨᠢᠭᠳᠠᠯᠠᠨ ᠪᠣᠳᠣᠯᠳᠠ ᠶᠢᠨ ᠠᠵᠢᠯ ᠤᠨ ᠭᠠᠵᠠᠷ ᠠᠴᠠ ᠪᠡᠯᠡ | ᠮᠦᠩᠭᠦ ᠶᠢ ᠰᠢᠯᠭᠠᠨ ᠪᠠᠶᠢᠴᠠᠭᠠᠭᠰᠠᠨ ᠮᠡᠳᠡᠭᠦᠯᠦᠯᠳᠡ ᠪᠢᠴᠢᠵᠣ ᠦᠭᠭᠦᠨ᠎ᠡ᠃ | ︵4︶ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠭᠠᠷᠭᠠᠭᠰᠠᠨ ᠠᠵᠣ ᠠᠬᠤᠶᠢᠯᠠᠯ ᠤᠨ ᠬᠠᠣᠯᠢ ᠲᠦᠷᠢᠮ | ᠵᠦᠷᠢᠴᠡᠭᠰᠡᠨ ᠠᠵᠢᠯᠯᠠᠭ᠎ᠠ ᠦᠭᠡᠢ ᠭᠡᠷᠡᠴᠢ︔ | ︵5︶ ᠡᠵᠡᠩᠨᠡᠬᠦ ᠲᠦᠬᠦᠭᠡᠷᠦᠮᠵᠢ ᠶᠢᠨ ᠦᠮᠴᠢᠯᠡᠬᠦ ᠡᠷᠬᠡ ᠪᠣᠶᠣ ᠬᠡᠷᠡᠭᠯᠡᠬᠦ ᠡᠷᠬᠡ ᠶᠢᠨ ᠭᠡᠷᠡᠴᠢ ᠶᠢᠨ | ᠬᠠᠭᠤᠯᠪᠣᠷᠢ︔ | ᠲᠦᠷᠪᠡ᠂ ᠲᠦᠷᠦᠯ ᠵᠣᠶᠢᠯ ᠢ ᠲᠡᠮᠵᠢᠬᠦ ᠭᠤᠶᠣᠴᠢᠯᠠᠯ ᠤᠨ ᠶᠡᠪᠣᠴᠠ᠄ | ︵1︶ ᠠᠵᠣ ᠠᠬᠤᠶᠢᠯᠠᠯ ᠠᠴᠠ ᠠᠵᠣ ᠠᠬᠤᠢ ᠮᠡᠳᠡᠭᠡ ᠵᠠᠩᠬᠢ ᠶᠢᠨ ᠲᠣᠪᠴᠢᠶᠠᠨ ᠳᠤ ᠮᠡᠳᠡᠭᠦᠯᠬᠦ︔ ︵2︶ | ᠬᠤᠰᠢᠭᠤᠨ ᠤ ᠠᠵᠣ ᠠᠬᠤᠢ ᠮᠡᠳᠡᠭᠡ ᠵᠠᠩᠭᠢ ᠶᠢᠨ ᠲᠣᠪᠴᠢᠶ᠎ᠠ ᠠᠴᠠ ᠠᠵᠣ ᠠᠬᠤᠶᠢᠯᠠᠯ ᠤᠨ ᠲᠡᠮᠵᠢᠯᠭᠡ | ᠭᠤᠶᠣᠴᠢᠯᠠᠭᠰᠠᠨ ᠲᠦᠷᠦᠯ ᠵᠣᠶᠢᠯ ᠨᠦᠭᠦᠴᠡᠯ ᠲᠦᠷᠢᠮ ᠳᠤ ᠨᠡᠶᠢᠴᠡᠬᠦ ᠡᠰᠡᠬᠦ ᠳᠤ ᠬᠢᠨᠠᠨ ᠬᠠᠷᠭᠤᠭᠤᠯᠳᠠ ᠬᠢᠭᠰᠡᠨ ᠤ | ᠲᠠᠷᠠᠭ᠎ᠠ ᠬᠢᠨᠠᠨ ᠬᠠᠷᠭᠤᠭᠤᠯᠣᠭᠰᠠᠨ ᠰᠠᠨᠠᠯ ᠲᠣᠷᠠᠳᠴᠦ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠡᠯᠡ ᠮᠦᠩᠭᠦ | ᠲᠣᠬᠢᠷᠠᠭᠤᠯᠬᠤ ᠰᠠᠨᠠᠯ ᠲᠣᠷᠠᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠰᠣᠳᠣᠯᠣᠨ | ᠲᠣᠭᠳᠠᠭᠠᠨ᠎ᠠ᠃ ︵3︶ ᠬᠤᠰᠢᠭᠤ ᠠᠷᠠᠳ ᠤᠨ ᠵᠠᠰᠠᠭ ᠤᠨ ᠣᠷᠳᠣᠨ ᠬᠢᠨᠠᠨ ᠪᠠᠳᠣᠯᠠᠭᠰᠠᠨ ᠤ ᠲᠠᠷᠠᠭ᠎ᠠ᠂ | ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠲᠡᠮᠵᠢᠬᠦ ᠲᠦᠷᠦᠯ ᠵᠣᠶᠢᠯ ᠢ ᠣᠳᠤᠭ ᠤᠨ ᠡᠮᠦᠨᠡᠳᠦ ᠬᠤᠰᠢᠭᠤᠨ ᠤ | ᠵᠠᠰᠠᠭ ᠤᠨ ᠰᠦᠯᠵᠢᠶ᠎ᠡ ᠪᠠᠷ 7 ᠡᠳᠦᠷ ᠵᠠᠷᠯᠠᠨ᠎ᠠ᠃ ᠵᠠᠷᠯᠠᠯ ᠳᠤ ᠣᠨᠳᠣᠣ ᠰᠠᠨᠠᠯ ᠦᠭᠡᠢ ᠪᠣᠯ᠂ ᠬᠤᠰᠢᠭᠤᠨ ᠤ ᠡᠳ᠋ | ᠤᠨ ᠵᠠᠰᠠᠭ ᠤᠨ ᠲᠣᠪᠴᠢᠶ᠎ᠠ ᠣᠳᠤᠭ ᠤᠨ ᠡᠮᠦᠨᠡᠳᠦ ᠬᠤᠰᠢᠭᠤᠨ ᠤ ᠪᠡᠯᠡ ᠮᠦᠩᠭᠦ ᠣᠯᠭᠤᠬᠤ ᠬᠢᠨᠠᠨ ᠵᠦᠪᠰᠢᠶᠡᠷᠡᠯ | ᠤᠨ ᠶᠠᠪᠣᠴᠠ ᠶᠣᠰᠣᠭᠠᠷ ᠣᠯᠭᠤᠨ᠎ᠠ᠃ | ᠲᠠᠪᠤ᠂ ᠲᠠᠭᠠᠯᠳᠣᠭᠤᠯᠣᠯ ᠲᠦᠷᠢᠮ | ︵ᠨᠢᠭᠡ︶ ᠲᠡᠭᠡᠷᠡᠬᠢ ᠬᠠᠷᠠᠭᠠᠯᠵᠠᠯ ᠵᠢᠴᠢ ᠲᠦᠷᠦ ᠶᠢᠨ ᠪᠣᠳᠣᠯᠭ᠎ᠠ ᠶᠢᠨ ᠲᠡᠮᠵᠢᠯᠭᠡ ᠶᠢ ᠰᠦᠯᠵᠢᠶᠡᠨ | ᠬᠤᠳᠠᠯᠳᠣᠭᠠᠨ ᠤ ᠠᠵᠣ ᠠᠬᠤᠶᠢᠯᠠᠯ ᠪᠣᠶᠣ ᠬᠤᠪᠢ ᠬᠦᠮᠦᠨ ᠳᠤ ᠠᠳᠠᠯᠢ ᠲᠦᠷᠦᠯ ᠤᠨ ᠲᠦᠷᠦᠯ ᠵᠣᠶᠢᠯ ᠤᠨ ᠬᠠᠮᠤᠭ | ᠦᠨᠳᠦᠷ ᠱᠠᠩᠨᠠᠯ ᠤᠨ ᠪᠠᠷᠢᠮᠵᠢᠶ᠎ᠠ ᠪᠠᠷ ︵ᠰᠦᠯᠵᠢᠶᠡᠨ ᠬᠤᠳᠠᠯᠳᠣᠭᠠᠨ ᠤ ᠲᠠᠭᠤᠷᠢᠶᠠᠯ ᠪᠣᠯᠣᠨ ᠮᠦᠩᠭᠦᠨ ᠭᠦᠢᠯᠭᠡᠭᠡᠨ | ᠤ ᠲᠠᠮ ᠬᠦᠣ ᠲᠠᠢ ᠵᠢᠭᠡᠯᠡᠯᠭᠡ ᠶᠢᠨ ᠲᠡᠮᠵᠢᠯᠭᠡ ᠶᠢ ᠪᠠᠭᠳᠠᠭᠠᠬᠤ ᠦᠭᠡᠢ︶ ᠬᠦᠷᠳᠡᠭᠡᠵᠣ᠂ ᠲᠠᠪᠳᠠᠨ ᠣᠯᠭᠤᠵᠣ | ᠪᠣᠯᠬᠤ ᠦᠭᠡᠢ᠃ | ︵ᠬᠤᠶᠠᠷ︶ ᠠᠵᠣ ᠠᠬᠤᠶᠢᠯᠠᠯ ᠬᠤᠳᠠᠯ ᠬᠠᠭᠤᠷᠮᠠᠭ ᠢᠶᠠᠷ ᠲᠦᠷᠦ ᠶᠢᠨ ᠪᠣᠳᠣᠯᠭ᠎ᠠ ᠶᠢᠨ ᠪᠡᠯᠡ ᠮᠦᠩᠭᠦ | ᠮᠡᠬᠡᠯᠡᠨ ᠠᠪᠴᠤ᠂ ᠮᠦᠩᠭᠦᠨ ᠭᠦᠢᠯᠭᠡᠭᠡᠨ ᠤ ᠲᠠᠮ ᠬᠦᠣ ᠲᠠᠢ ᠵᠢᠭᠡᠯᠡᠯᠭᠡ ᠶᠢᠨ ᠲᠡᠮᠵᠢᠯᠭᠡ ᠶᠢ ᠣᠯᠣᠭᠠᠳ᠂ | ᠬᠤᠭᠤᠴᠠᠭ᠎ᠠ ᠦᠩᠭᠡᠷᠡᠭᠡᠳ ᠪᠣᠴᠠᠭᠠᠬᠤ ᠦᠭᠡᠢ ᠪᠣᠯ᠂ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠡᠳ᠋ ᠤᠨ ᠵᠠᠰᠠᠭ | ᠵᠡᠷᠭᠡ ᠰᠠᠯᠠᠭ᠎ᠠ ᠮᠦᠴᠢᠷ ᠣᠯᠣᠰ ᠤᠨ ᠬᠠᠮᠢᠶ᠎ᠠ ᠪᠦᠬᠦᠢ ᠬᠠᠣᠯᠢ ᠲᠦᠷᠢᠮ ᠲᠣᠭᠳᠠᠭᠠᠯ ᠢ ᠦᠨᠳᠦᠰᠦᠯᠡᠨ᠂ ᠱᠠᠩᠨᠠᠯ | ᠤᠨ ᠲᠡᠮᠵᠢᠯᠭᠡ ᠶᠢᠨ ᠪᠡᠯᠡ ᠮᠦᠩᠭᠦ ᠶᠢ ᠪᠦᠬᠦ ᠲᠤᠭ᠎ᠠ ᠪᠠᠷ ᠪᠣᠴᠠᠭᠠᠨ ᠠᠪᠴᠢᠷᠠᠬᠤ ᠶᠢᠨ ᠬᠠᠮᠳᠦ ᠲᠣᠰ ᠠᠵᠣ | ᠠᠬᠤᠶᠢᠯᠠᠯ ᠢ 3 ᠵᠢᠯ ᠱᠠᠩᠨᠠᠯ ᠤᠨ ᠬᠢᠷᠢ ᠬᠡᠮ ᠳᠤ ᠣᠷᠣᠭᠤᠯᠬᠤ ᠦᠭᠡᠢ᠂ ᠡᠬᠦᠨ ᠤ ᠬᠠᠮᠳᠦ ᠢᠳᠡᠭᠡᠯ ᠦᠭᠡᠢ ᠠᠵᠣ | ᠠᠬᠤᠶᠢᠯᠠᠯ ᠤᠨ ᠨᠡᠷᠡᠰ ᠲᠤ ᠣᠷᠣᠭᠤᠯᠣᠨ᠂ ᠲᠣᠮᠳᠠ ᠪᠠᠭ᠎ᠠ ᠠᠵᠣ ᠠᠬᠤᠶᠢᠯᠠᠯ ᠤᠨ ᠰᠦᠯᠵᠢᠶ᠎ᠡ᠂ ᠣᠷᠳᠣᠰ ᠤᠨ | ᠢᠳᠡᠭᠡᠮᠵᠢ ᠶᠢᠨ ᠮᠡᠳᠡᠭᠡ ᠵᠠᠩᠬᠢ ᠶᠢᠨ ᠰᠢᠰᠲ᠋ᠧᠮ᠂ ᠢᠳᠡᠭᠡᠮᠵᠢᠳᠦ ᠣᠳᠤᠭ ᠤᠨ ᠡᠮᠦᠨᠡᠳᠦ ᠬᠤᠰᠢᠭᠤ ᠵᠢᠴᠢ ᠰᠣᠨᠢᠨ | ᠮᠡᠳᠡᠭᠡᠨ ᠤ ᠵᠠᠭᠤᠴᠢᠯᠠᠭᠤᠷ ᠢᠶᠠᠷ ᠨᠡᠶᠢᠳᠡ ᠳᠤ ᠵᠠᠷᠯᠠᠨ᠎ᠠ᠃ | ︵ᠭᠤᠷᠪᠠ︶ ᠲᠣᠰ ᠨᠠᠷᠢᠨ ᠲᠦᠷᠢᠮ ᠪᠣᠯᠣᠨ ︽ᠣᠳᠤᠭ ᠤᠨ ᠡᠮᠦᠨᠡᠳᠦ ᠬᠤᠰᠢᠭᠤᠨ ᠤ ᠰᠦᠯᠵᠢᠶᠡᠨ | ᠬᠤᠳᠠᠯᠳᠣᠭᠠᠨ ᠤ ᠬᠦᠭᠵᠢᠯᠳᠡ ᠶᠢ ᠲᠦᠷᠭᠡᠳᠬᠡᠬᠦ ᠠᠵᠢᠯ ᠤᠨ ᠲᠦᠰᠦᠯ︾ ᠢ ᠲᠦᠬᠦᠷᠵᠢᠭᠦᠯᠦᠨ ᠬᠡᠷᠡᠭᠵᠢᠭᠦᠯᠵᠣ᠂ | ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠠᠷᠠᠯᠵᠢᠶᠠᠨ ᠤ ᠶᠠᠪᠣᠳᠠᠯ ᠪᠣᠯᠣᠨ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ᠬᠠᠷᠢᠭᠤᠴᠠᠨ ᠲᠠᠶᠢᠯᠪᠣᠷᠢᠯᠠᠨ᠎ᠠ᠃ | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2017 ᠤᠨ ᠤ 4 ᠰᠠᠷ᠎ᠠ ᠶᠢᠨ 18 ᠤ ᠡᠳᠤᠷ ᠲᠠᠷᠤᠮᠠᠯᠯᠠᠨ ᠲᠠᠷᠬᠠᠭᠠᠪᠠ | |