ᠤᠳᠤᠭ ᠤᠨ ᠡᠮᠥᠨᠡᠳᠤ ᠬᠤᠰᠢᠭᠤᠨ ᠤ 2017 ᠤᠨ ᠤ ᠲᠥᠷᠥᠭᠦᠥ ᠭᠤᠷᠪᠠᠨ ᠣᠯᠠᠷᠢᠯ ᠤᠨ | ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠣᠯᠣᠨ ᠲᠠᠷᠠᠭ᠎ᠠ | ᠠᠯᠬᠤᠮ ᠤᠨ ᠡᠳ᠋ ᠤᠨ ᠵᠠᠰᠠᠭ ᠤᠨ ᠠᠵᠢᠯ ᠤᠨ ᠲᠦᠯᠦᠪᠯᠡᠭᠡ ᠶᠢᠨ ᠮᠡᠳᠡᠬᠦᠯᠥᠯᠲᠡ | | —— 2017 ᠤᠨ ᠤ 12 ᠰᠠᠷ᠎ᠠ ᠶᠢᠨ 5 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠳᠣᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ | 2017 ᠤᠨ ᠤ ᠲᠥᠷᠥᠭᠦᠥ ᠭᠤᠷᠪᠠᠨ ᠣᠯᠠᠷᠢᠯ ᠤᠨ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ | ᠪᠠᠶᠢᠳᠠᠯ ᠪᠤᠯᠤᠨ ᠲᠠᠷᠠᠭ᠎ᠠ ᠠᠯᠬᠤᠮ ᠤᠨ ᠡᠳ᠋ ᠤᠨ ᠵᠠᠰᠠᠭ ᠤᠨ ᠠᠵᠢᠯ ᠤᠨ ᠲᠦᠯᠦᠪᠯᠡᠭᠡ ᠶᠢᠨ ᠮᠡᠳᠡᠬᠦᠯᠥᠯᠲᠡ ᠪᠠᠨ | ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ | ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ | ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2017 ᠤᠨ ᠤ ᠲᠥᠷᠥᠭᠦᠥ ᠭᠤᠷᠪᠠᠨ ᠣᠯᠠᠷᠢᠯ ᠤᠨ ᠡᠳ᠋ ᠤᠨ ᠵᠠᠰᠠᠭ ᠤᠨ ᠳᠥᠰᠥᠪ ᠤᠨ | ᠬᠡᠷᠡᠭᠵᠢᠬᠦᠯᠤᠯᠳᠠ ᠶᠢᠨ ᠪᠠᠶᠢᠳᠠᠯ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ ᠠᠷᠠᠳ ᠤᠨ | ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ᠂ ᠨᠡᠶᠢᠭᠡᠮ ᠤᠨ ᠡᠯ᠎ᠡ | ᠡᠳᠡᠭᠡᠳ ᠤᠨ ᠳᠠᠮᠵᠢᠯᠬᠡ ᠳᠤᠤᠷ᠎ᠠ᠂ ᠡᠳ᠋ ᠤᠨ ᠵᠠᠰᠠᠭ ᠤᠨ ᠠᠵᠢᠯ ᠬᠠᠳᠠᠭᠤ ᠪᠣᠳᠣᠯᠢᠶᠠᠨᠳᠠᠢ ᠠᠵᠣ ᠠᠬᠤᠢ ᠶᠢᠨ | ᠪᠠᠶᠢᠳᠠᠯ ᠳᠤ ᠵᠦᠪ ᠬᠠᠨᠳᠣᠨ᠂ ᠰᠠᠨᠠᠭᠠᠴᠢᠯᠭ᠎ᠠ ᠠᠴᠠ ᠪᠠᠨ ᠠᠵᠣ ᠠᠬᠤᠢ ᠶᠢᠨ ᠭᠦᠭᠵᠢᠯᠳᠡ ᠶᠢᠨ ᠰᠢᠨ᠎ᠡ ᠪᠠᠶᠢᠳᠠᠯ | ᠳᠤ ᠵᠣᠬᠢᠴᠠᠵᠣ᠂ ᠯᠠᠪᠳᠠᠭᠤᠨ ᠪᠠᠳᠣᠳᠠᠢ ᠠᠵᠢᠯ ᠤᠨ ᠣᠪᠣᠷ ᠢ ᠪᠠᠷᠢᠮᠳᠠᠯᠠᠨ᠂ ᠶᠡᠷᠦᠩᠬᠡᠶᠢᠯᠡᠭᠰᠡᠨ ᠡᠳ᠋ ᠤᠨ ᠵᠠᠰᠠᠭ | ᠤᠨ ᠲᠦᠷᠦ ᠶᠢᠨ ᠪᠣᠳᠣᠯᠭ᠎ᠠ ᠶᠢ ᠬᠡᠷᠡᠭᠯᠡᠵᠣ᠂ ᠲᠣᠭᠳᠠᠭᠤᠨ ᠨᠡᠮᠡᠭᠳᠡᠯ᠂ ᠪᠦᠳᠦᠴᠡ ᠶᠢᠨ ᠲᠣᠬᠢᠷᠠᠭᠤᠯᠣᠯ᠂ | ᠦᠭᠡᠷᠡᠴᠢᠯᠡᠯᠳᠡ ᠶᠢᠨ ᠠᠬᠢᠭᠤᠯᠣᠯ᠂ ᠠᠷᠠᠳ ᠤᠨ ᠠᠮᠢᠳᠣᠷᠠᠯ ᠤᠨ ᠬᠠᠷᠠᠭᠠᠯᠵᠠᠯ ᠢ ᠨᠢᠭᠡᠳᠦᠯᠳᠡᠢ ᠲᠦᠯᠦᠪᠯᠡᠵᠣ᠂ ᠡᠳ᠋ | ᠤᠨ ᠢᠷᠡᠯᠳᠡ ᠶᠢᠨ ᠪᠠᠶᠢᠭᠤᠯᠣᠯᠳᠠ ᠪᠣᠯᠣᠨ ᠣᠷᠣᠨ ᠨᠣᠳᠤᠭ ᠤᠨ ᠬᠡᠷᠡᠭᠯᠡᠬᠦᠶᠢᠴᠡ ᠡᠳ᠋ ᠤᠨ ᠬᠦᠴᠦᠨ ᠢ | ᠨᠡᠮᠡᠭᠳᠡᠭᠦᠯᠬᠦ ᠪᠠᠨ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠣ᠂ ᠭᠠᠶᠢᠯᠢ ᠵᠠᠷᠣᠳᠠᠯ ᠤᠨ ᠲᠠᠳᠠᠪᠦᠷᠢᠯᠠᠯᠳᠠ | ᠬᠠᠮᠢᠶᠠᠷᠣᠯᠳᠠ ᠶᠢ ᠴᠢᠩᠭᠠᠳᠬᠠᠨ᠂ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠵᠣ᠂ ᠡᠳ᠋ ᠤᠨ ᠵᠠᠰᠠᠭ ᠭᠠᠶᠢᠯᠢ | ᠶᠢᠨ ᠶᠠᠪᠣᠳᠠᠯ ᠤᠨ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠠᠷᠠᠳ ᠤᠨ ᠠᠮᠢᠳᠣᠷᠠᠯ ᠢ ᠪᠦᠬᠦ | ᠲᠠᠯ᠎ᠠ ᠪᠠᠷ ᠪᠠᠳᠣᠯᠠᠨ ᠰᠠᠶᠢᠵᠢᠷᠠᠭᠤᠯᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠦᠷᠭᠦᠯᠵᠢᠬᠦᠶᠢᠴᠡ | ᠬᠦᠭᠵᠢᠯᠳᠡ ᠶᠢ ᠬᠦᠴᠦᠳᠠᠢ ᠲᠡᠮᠵᠢᠪᠡ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2017 ᠤᠨ ᠳᠤ ᠲᠦᠪ ᠤᠨ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠣᠰᠬᠠᠯ ᠪᠣᠯᠣᠨ ᠦᠪᠡᠷᠳᠡᠭᠡᠨ ᠵᠠᠰᠠᠬᠤ | ᠣᠷᠣᠨ᠂ ᠬᠤᠳᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠬᠤᠰᠢᠭᠤᠨ ᠤ ᠨᠡᠶᠢᠳᠡ ᠶᠢᠨ ᠡᠳ᠋ | ᠤᠨ ᠵᠠᠰᠠᠭ ᠤᠨ ᠣᠷᠣᠯᠭ᠎ᠠ ᠵᠠᠷᠣᠯᠭ᠎ᠠ ᠳᠤ ᠲᠣᠬᠢᠷᠠᠭᠤᠯᠣᠯᠳᠠ ᠬᠢᠪᠡ᠃ ᠲᠣᠬᠢᠷᠠᠭᠤᠯᠣᠯᠳᠠ ᠶᠢᠨ ᠲᠠᠷᠠᠭᠠᠬᠢ | ᠲᠥᠷᠥᠭᠦᠥ ᠭᠤᠷᠪᠠᠨ ᠣᠯᠠᠷᠢᠯ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ 13.2 | ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ | 6.78 ᠳ᠋ᠦᠩᠰᠢᠭᠤᠷ ᠲᠥᠭᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ | ᠤᠷᠤᠨ ᠤ 0.37 ᠳ᠋ᠥᠩᠰᠢᠭᠤᠷ ᠲᠥᠭᠦᠷᠢᠭ ᠢ ᠪᠠᠭᠳᠠᠭᠠᠨ᠎ᠠ︶᠂ ᠲᠡᠭᠡᠳᠦ ᠱᠠᠳᠤᠨ ᠤ ᠡᠳ᠋ ᠤᠨ ᠵᠠᠰᠠᠭ ᠤᠨ | ᠨᠥᠭᠦᠪᠥᠷᠢ ᠤᠷᠤᠯᠭ᠎ᠠ 6.42 ᠳ᠋ᠦᠩᠰᠢᠭᠤᠷ ᠲᠥᠭᠦᠷᠢᠭ᠃ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠵᠠᠷᠣᠯᠭ᠎ᠠ 19.81 ᠳ᠋ᠦᠩᠰᠢᠭᠤᠷ ᠲᠥᠭᠦᠷᠢᠭ᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ | ᠣᠷᠣᠯᠭ᠎ᠠ ᠳᠠᠬᠢ ᠭᠤᠣᠯ ᠭᠠᠶᠢᠯᠢ ᠶᠢᠨ ᠲᠦᠷᠦᠯ ᠢ 1.75 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠨᠡᠶᠢᠳᠡ ᠶᠢᠨ | ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢᠨ 25.81% ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ | 0.23 ᠳ᠋ᠥᠩᠰᠢᠭᠤᠷ ᠲᠥᠭᠦᠷᠢᠭ ᠨᠠᠮᠡᠭᠳᠡᠵᠤ᠂ 15.13% ᠪᠠᠷ ᠦᠰᠪᠠ᠃ ᠡᠭᠦᠨ ᠳᠤ᠄ ᠦᠷᠲᠡᠭ ᠤᠨ ᠨᠡᠮᠡᠭᠳᠡᠯ | ᠭᠠᠶᠢᠯᠢ 1.13 ᠳ᠋ᠦᠩᠰᠢᠭᠤᠷ ᠲᠥᠭᠦᠷᠢᠭ᠂ 114.33% ᠪᠠᠷ ᠨᠠᠮᠡᠭᠳᠡᠪᠡ︔ ᠠᠵᠣ ᠠᠬᠤᠶᠢᠯᠠᠯ ᠤᠨ ᠣᠯᠵᠠᠪᠣᠷᠢ | ᠶᠢᠨ ᠭᠠᠶᠢᠯᠢ 0.08 ᠳ᠋ᠦᠩᠰᠢᠭᠤᠷ ᠲᠥᠭᠦᠷᠢᠭ᠂ 66.24% ᠪᠠᠷ ᠪᠠᠭᠤᠷᠠᠪᠠ︔ ᠬᠤᠪᠢ ᠬᠦᠮᠦᠨ ᠤ ᠣᠯᠵᠠᠪᠣᠷᠢ | ᠶᠢᠨ ᠭᠠᠶᠢᠯᠢ 0.09 ᠳ᠋ᠦᠩᠰᠢᠭᠤᠷ ᠲᠥᠭᠦᠷᠢᠭ᠂ 5.65 % ᠪᠠᠷ ᠨᠡᠮᠡᠭᠳᠡᠪᠡ︔ ᠡᠬᠢ ᠪᠠᠶᠠᠯᠢᠭ ᠤᠨ ᠭᠠᠶᠢᠯᠢ 0. | 45 ᠳ᠋ᠦᠩᠰᠢᠭᠤᠷ ᠲᠥᠭᠦᠷᠢᠭ᠂ 44.39% ᠪᠠᠷ ᠨᠡᠮᠡᠭᠳᠡᠪᠡ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ | ᠮᠦᠴᠢᠷ 1.19 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠵᠢᠱᠢᠭᠰᠡᠨ ᠬᠠᠷᠠᠯᠳᠠ ᠶᠢᠨ 74.38% ᠶᠢ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ0.6 ᠳ᠋ᠦᠩᠰᠢᠭᠤᠷ ᠳᠦᠭᠦᠷᠢᠭ ᠨᠡᠮᠡᠭᠳᠡᠵᠤ᠂ 101.69% | ᠪᠠᠷ ᠦᠰᠪᠠ︔ ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 2.41 ᠳ᠋ᠦᠩᠰᠢᠭᠤᠷ ᠲᠦᠭᠦᠷᠢᠭ | ᠪᠡᠶᠡᠯᠡᠭᠦᠯᠵᠣ᠂ ᠵᠢᠯ ᠤᠨ ᠵᠢᠱᠢᠭᠰᠡᠨ ᠬᠠᠷᠠᠯᠳᠠ ᠶᠢᠨ 77.74 % ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ | ᠬᠢ ᠠᠴᠠ 1.28 ᠳ᠋ᠦᠩᠰᠢᠭᠤᠷ ᠲᠥᠭᠦᠷᠢᠭ ᠨᠡᠮᠡᠭᠳᠡᠵᠤ᠂ 113.27% ᠪᠠᠷ ᠦᠰᠪᠠ︔ ᠡᠳ᠋ ᠤᠨ ᠵᠠᠰᠠᠭ ᠤᠨ | ᠰᠠᠯᠠᠭ᠎ᠠ ᠮᠦᠴᠢᠷ 3.18 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠵᠢᠱᠢᠭᠰᠡᠨ ᠬᠠᠷᠠᠯᠳᠠ ᠶᠢᠨ 96.36 | % ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 0.53 ᠳ᠋ᠦᠩᠰᠢᠭᠤᠷ ᠲᠥᠭᠦᠷᠢᠭ ᠪᠠᠭᠤᠷᠠᠵᠤ᠂ 14. | 29% ᠪᠠᠷ ᠬᠠᠰᠤᠭᠳᠠᠪᠠ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 2.04 ᠳ᠋ᠦᠩᠰᠢᠭᠤᠷ | ᠳᠦᠭᠦᠷᠢᠭ ᠪᠡᠶᠡᠯᠡᠭᠦᠯᠵᠣ᠂ 19.28% ᠪᠠᠷ ᠨᠡᠮᠡᠭᠳᠡᠪᠡ ︵ᠡᠭᠦᠨ ᠳᠤ᠄ ᠨᠡᠭᠦᠷᠡᠰᠥᠨ ᠤ ᠠᠵᠢᠯ ᠲᠦᠷᠦᠯ | ᠳ᠋ᠦᠩᠰᠢᠭᠤᠷ ᠲᠥᠭᠦᠷᠢᠭ ᠪᠡᠶᠡᠯᠡᠭᠦᠯᠵᠣ᠂ 195.02% ᠨᠡᠮᠡᠭᠳᠡᠵᠣ᠂ ᠰᠢᠲᠠᠮᠠᠬᠠᠢ ᠬᠡᠢ ᠶᠢᠨ ᠠᠵᠢᠯ ᠲᠦᠷᠤᠯ 1. | 01 ᠳ᠋ᠦᠩᠰᠢᠭᠤᠷ ᠳᠦᠭᠦᠷᠢᠭ ᠪᠡᠶᠡᠯᠡᠭᠦᠯᠵᠣ᠂ 56.04 % ᠪᠠᠷ ᠨᠡᠮᠡᠭᠳᠡᠪᠡ︶︔ ᠦᠢᠯᠡᠳᠪᠦᠷᠢᠯᠡᠯ ᠤᠨ ᠠᠵᠢᠯ | ᠲᠦᠷᠤᠯ 0.04 ᠳ᠋ᠦᠩᠰᠢᠭᠤᠷ ᠲᠦᠭᠦᠷᠢᠭ ᠪᠡᠶᠡᠯᠡᠭᠦᠯᠵᠤ᠂ 146.27% ᠪᠠᠷ ᠨᠡᠮᠡᠭᠳᠡᠪᠡ︔ ᠴᠡᠬᠢᠯᠭᠠᠨ ᠬᠦᠴᠣᠨ | ᠤ ᠠᠵᠢᠯ ᠲᠦᠷᠦᠯ 0.16 ᠳ᠋ᠦᠩᠰᠢᠭᠤᠷ ᠳᠦᠭᠦᠷᠢᠭ ᠪᠡᠶᠡᠯᠡᠭᠦᠯᠵᠣ᠂ 154.03 % ᠪᠠᠷ ᠨᠡᠮᠡᠭᠳᠡᠪᠡ︔ ᠪᠠᠷᠢᠯᠭ᠎ᠠ | ᠶᠢᠨ ᠠᠵᠢᠯ ᠲᠦᠷᠦᠯ 2.57 ᠳ᠋ᠦᠩᠰᠢᠭᠤᠷ ᠳᠦᠭᠦᠷᠢᠭ ᠪᠡᠶᠡᠯᠡᠭᠦᠯᠵᠣ᠂ 325.88% ᠪᠠᠷ ᠨᠡᠮᠡᠭᠳᠡᠪᠡ︔ ᠵᠠᠮ | ᠲᠡᠬᠡᠬᠡᠪᠣᠷᠢ ᠶᠢᠨ ᠦᠢᠯᠡᠰ 0.02 ᠳ᠋ᠦᠩᠰᠢᠭᠤᠷ ᠳᠦᠭᠦᠷᠢᠭ ᠪᠡᠶᠡᠯᠡᠭᠦᠯᠵᠣ᠂ 187.11 % ᠪᠠᠷ ᠨᠡᠮᠡᠭᠳᠡᠪᠡ︔ | ᠬᠡᠷ ᠬᠦᠷᠦᠩᠬᠡ ᠶᠢᠨ ᠠᠵᠢᠯ ᠲᠦᠷᠦᠯ 0.08 ᠳ᠋ᠦᠩᠰᠢᠭᠤᠷ ᠳᠦᠭᠦᠷᠢᠭ ᠪᠡᠶᠡᠯᠡᠭᠦᠯᠵᠣ᠂ 80.4% ᠪᠠᠷ ᠪᠠᠭᠤᠷᠠᠪᠠ | ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.3 ᠳ᠋ᠦᠩᠰᠢᠭᠤᠷ ᠳᠦᠭᠦᠷᠢᠭ ᠪᠡᠶᠡᠯᠡᠭᠦᠯᠵᠣ᠂ 25.91 | % ᠪᠠᠷ ᠨᠡᠮᠡᠭᠳᠡᠪᠡ︔ ᠬᠤᠨᠤᠭᠯᠠᠬᠤ ᠪᠠ ᠢᠳᠡᠭᠡᠨ ᠤᠮᠳᠠᠭᠠᠨ ᠤ ᠠᠵᠢᠯ ᠲᠦᠷᠤᠯ 0.01 ᠳ᠋ᠦᠩᠰᠢᠭᠤᠷ ᠲᠦᠭᠦᠷᠢᠭ | ᠪᠡᠶᠡᠯᠡᠭᠦᠯᠵᠤ᠂ 8.9% ᠪᠠᠷ ᠨᠡᠮᠡᠭᠳᠡᠪᠡ︔ ᠦᠢᠯᠡᠴᠢᠯᠡᠬᠡᠨ ᠤ ᠦᠢᠯᠡᠰ 0.02 ᠳ᠋ᠦᠩᠰᠢᠭᠤᠷ ᠳᠦᠭᠦᠷᠢᠭ | ᠪᠡᠶᠡᠯᠡᠭᠦᠯᠵᠣ᠂ 64.04% ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0.15 ᠳ᠋ᠦᠩᠰᠢᠭᠤᠷ | ᠳᠦᠭᠦᠷᠢᠭ ᠪᠡᠶᠡᠯᠡᠭᠦᠯᠵᠣ᠂ 10.12% ᠢᠶᠠᠷ ᠨᠡᠮᠡᠭᠳᠡᠪᠡ︔ ᠪᠣᠰᠣᠳ ᠠᠵᠢᠯ ᠲᠦᠷᠦᠯ 1.39 ᠳ᠋ᠦᠩᠰᠢᠭᠤᠷ | ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ | ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ 63.13% ᠪᠠᠷ ᠪᠠᠭᠤᠷᠠᠪᠠ᠃ | 2017 ᠣᠨ ᠤ ᠲᠥᠷᠥᠭᠦᠥ ᠭᠤᠷᠪᠠᠨ ᠣᠯᠠᠷᠢᠯ ᠤᠨ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ | ᠳᠥᠰᠥᠪ ᠤᠨ ᠵᠠᠷᠣᠯᠭ᠎ᠠ 19.81 ᠳ᠋ᠦᠩᠰᠢᠭᠤᠷ ᠲᠦᠭᠦᠷᠢᠭ ᠬᠦᠷᠴᠦ᠂ 3.45% ᠪᠠᠷ ᠨᠡᠮᠡᠭᠳᠡᠪᠠ᠂ ᠡᠭᠦᠨ ᠳᠤ᠄ | ᠬᠤᠰᠢᠭᠤ ᠲᠣᠰ ᠱᠠᠳᠣᠨ ᠤ ᠵᠠᠷᠣᠯᠭ᠎ᠠ 19.35 ᠳ᠋ᠦᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ ᠨᠡᠬᠡᠬᠡᠯᠲᠡ | ᠶᠢᠨ ᠣᠷᠣᠨ ᠤ ᠵᠠᠷᠣᠯᠭ᠎ᠠ 0.46 ᠳ᠋ᠦᠩᠰᠢᠭᠤᠷ ᠲᠥᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ | ᠃ 2017 ᠤᠨ ᠤ ᠲᠥᠷᠥᠭᠦᠥ ᠭᠤᠷᠪᠠᠨ ᠣᠯᠠᠷᠢᠯ ᠤᠨ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ | ᠳᠤᠰ ᠱᠠᠳᠤᠨ ᠤ ᠤᠷᠤᠯᠭ᠎ᠠ 0.95 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 0.08 | ᠳ᠋ᠦᠩᠰᠢᠭᠤᠷ ᠲᠦᠬᠦᠷᠢᠭ ᠨᠡᠮᠡᠭᠳᠡᠵᠤ᠂ 9.2% ᠢᠶᠠᠷ ᠦᠰᠪᠠ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ | ᠮᠥᠩᠭᠦ ᠶᠢᠨ ᠵᠠᠷᠤᠯᠭ᠎ᠠ 1.05 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ | ᠲᠦᠬᠦᠷᠢᠭ ᠨᠡᠮᠡᠭᠳᠡᠵᠤ᠂ 23.53% ᠪᠠᠷ ᠦᠰᠪᠠ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2017 ᠤᠨ ᠤ ᠲᠥᠷᠥᠭᠦᠥ ᠭᠤᠷᠪᠠᠨ ᠣᠯᠠᠷᠢᠯ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ | ᠤᠷᠤᠯᠭ᠎ᠠ ᠶᠢ 1.05 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.22 ᠳ᠋ᠦᠩᠰᠢᠭᠤᠷ | ᠲᠦᠬᠦᠷᠢᠭ ᠨᠡᠮᠡᠭᠳᠡᠵᠣ᠂ 26.51% ᠪᠠᠷ ᠦᠰᠪᠡ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ | ᠰᠠᠭᠤᠷᠢ ᠮᠦᠩᠬᠦᠨ ᠤ ᠵᠠᠷᠤᠯᠭ᠎ᠠ 0.91 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠠᠴᠠ 0.17 | ᠳ᠋ᠦᠩᠰᠢᠭᠤᠷ ᠲᠦᠬᠦᠷᠢᠭ ᠨᠡᠮᠡᠭᠳᠡᠵᠣ᠂ 22.97% ᠪᠠᠷ ᠦᠰᠪᠡ᠃ | 2017 ᠣᠨ ᠤ ᠲᠥᠷᠥᠭᠦᠥ ᠭᠤᠷᠪᠠᠨ ᠣᠯᠠᠷᠢᠯ ᠤᠨ ᠡᠳ᠋ ᠤᠨ ᠵᠠᠰᠠᠭ ᠤᠨ ᠠᠵᠢᠯ ᠪᠣᠯᠣᠨ ᠲᠦᠰᠦᠪ ᠤᠨ | ᠬᠡᠷᠡᠭᠵᠢᠭᠦᠯᠦᠯᠳᠡ ᠶᠢᠨ ᠭᠤᠣᠯ ᠣᠨᠴᠠᠯᠢᠭ | ︵ᠨᠢᠭᠡ︶ ᠣᠷᠣᠯᠭ᠎ᠠ ᠲᠠᠳᠠᠪᠦᠷᠢᠯᠠᠯᠳᠠ ᠪᠠᠨ ᠴᠢᠩᠭᠠᠳᠬᠠᠨ᠂ ᠡᠳ᠋ ᠤᠨ ᠵᠠᠰᠠᠭ ᠤᠨ ᠣᠷᠣᠯᠭ᠎ᠠ ᠶᠢ | ᠲᠣᠭᠳᠠᠭᠤᠨ ᠨᠡᠮᠡᠭᠳᠡᠬᠦᠯᠪᠠ᠃ ᠣᠷᠣᠯᠭ᠎ᠠ ᠲᠠᠳᠠᠪᠦᠷᠢᠯᠠᠯᠳᠠ ᠶᠢ ᠡᠳ᠋ ᠤᠨ ᠵᠠᠰᠠᠭ ᠤᠨ ᠠᠵᠢᠯ ᠤᠨ ᠭᠤᠣᠯᠳᠠᠯᠭ᠎ᠠ | ᠪᠣᠯᠭᠠᠵᠣ᠂ ᠲᠣᠪᠣᠶᠢᠮ᠎ᠠ ᠪᠠᠶᠢᠷᠢᠨ ᠳᠤ ᠲᠠᠯᠪᠢᠪᠠ᠃ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠦᠴᠢᠷ ᠬᠠᠣᠯᠢ | ᠶᠣᠰᠣᠭᠠᠷ ᠲᠠᠳᠠᠪᠦᠷᠢᠯᠠᠨ ᠬᠠᠮᠢᠶᠠᠷᠬᠤ ᠪᠠ ᠡᠳ᠋ ᠤᠨ ᠵᠠᠰᠠᠭ ᠤᠨ ᠢᠷᠡᠯᠳᠡ ᠶᠢ ᠲᠣᠭᠳᠠᠪᠦᠷᠢᠵᠢᠭᠤᠯᠬᠤ ᠶᠢ ᠬᠠᠮᠳᠦ ᠳᠤ | ᠨᠢ ᠪᠠᠷᠢᠮᠳᠠᠯᠠᠵᠣ᠂ ᠬᠠᠣᠯᠢ ᠶᠣᠰᠣᠭᠠᠷ ᠵᠠᠰᠠᠭ ᠶᠠᠪᠣᠭᠤᠯᠬᠤ᠂ ᠭᠠᠶᠢᠯᠢ ᠶᠢᠨ ᠶᠠᠪᠣᠳᠠᠯ ᠢ ᠶᠡᠷᠦᠩᠬᠡᠶᠢᠯᠡᠨ ᠵᠠᠰᠠᠬᠤ | ᠵᠡᠷᠬᠡ ᠠᠷᠭ᠎ᠠ ᠠᠪᠴᠠᠯ ᠢ ᠬᠦᠴᠦᠯᠡᠨ ᠨᠠᠶᠢᠳᠠᠪᠦᠷᠢᠵᠢᠭᠤᠯᠵᠣ᠂ ᠣᠷᠣᠯᠭ᠎ᠠ ᠶᠢᠨ ᠴᠢᠨᠠᠷᠵᠢᠯ ᠢ ᠢᠯᠡᠷᠬᠡᠢ | ᠲᠡᠭᠡᠭᠰᠢᠯᠡᠭᠦᠯᠪᠡ᠃ ᠪᠦᠳᠦᠴᠡ ᠶᠢᠨ ᠴᠢᠨᠠᠷᠳᠠᠢ ᠭᠠᠶᠢᠯᠢ ᠪᠠᠭᠠᠰᠬᠠᠨ ᠵᠠᠷᠣᠳᠠᠯ ᠪᠠᠭᠤᠷᠠᠭᠤᠯᠬᠤ ᠲᠦᠷᠦ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠡᠳ᠋ ᠤᠨ ᠵᠠᠰᠠᠭ ᠭᠠᠶᠢᠯᠢ ᠶᠢᠨ ᠲᠣᠭᠳᠠᠭᠤᠨ ᠨᠡᠮᠡᠭᠳᠡᠯ ᠤᠨ | ᠠᠷᠭ᠎ᠠ ᠠᠪᠴᠠᠯ ᠢ ᠰᠢᠨᠡᠴᠢᠯᠡᠯᠳᠡ ᠲᠠᠢ ᠬᠡᠷᠡᠭᠵᠢᠭᠦᠯᠵᠣ᠂ ᠭᠤᠯᠳᠠᠯᠭᠠᠳᠦ ᠠᠵᠢᠯ ᠲᠦᠷᠦᠯ᠂ ᠠᠵᠣ ᠠᠬᠤᠶᠢᠯᠠᠯ | ᠪᠣᠯᠣᠨ ᠭᠠᠶᠢᠯᠢ ᠶᠢᠨ ᠢᠷᠡᠯᠳᠡ ᠶᠢᠨ ᠲᠣᠮᠣ ᠡᠷᠦᠬᠡ ᠳᠤ ᠣᠶᠢᠯᠡᠴᠢᠯᠡᠨ ᠲᠡᠮᠵᠢᠬᠦ ᠪᠠᠨ ᠴᠢᠩᠭᠠᠳᠬᠠᠵᠣ᠂ ᠬᠠᠳᠠᠭᠠᠯᠠᠯ | ᠬᠢᠬᠡᠳ ᠣᠷᠣᠯᠭ᠎ᠠ ᠶᠢᠨ ᠨᠡᠮᠡᠭᠳᠡᠯ᠂ ᠣᠷᠣᠯᠭ᠎ᠠ ᠶᠢᠨ ᠲᠣᠭᠳᠠᠪᠦᠷᠢᠵᠢᠭᠤᠯᠣᠯᠳᠠ ᠬᠢᠭᠡᠳ ᠣᠷᠣᠯᠭ᠎ᠠ ᠶᠢᠨ ᠴᠢᠨᠠᠷ ᠤᠨ | ᠪᠠᠳᠣᠯᠠᠭ᠎ᠠ ᠶᠢ ᠬᠠᠮᠳᠦ ᠳᠤ ᠨᠢ ᠴᠢᠬᠤᠯᠠᠴᠢᠯᠠᠨ ᠠᠳᠬᠤᠪᠠ᠃ ᠲᠥᠷᠥᠭᠦᠥ ᠭᠤᠷᠪᠠᠨ ᠣᠯᠠᠷᠢᠯ ᠳᠤ ᠪᠦᠬᠦ ᠬᠤᠰᠢᠭᠤᠨ | ᠤ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 6.78 ᠳ᠋ᠦᠩᠰᠢᠭᠤᠷ ᠲᠦᠭᠦᠷᠢᠭ ᠲᠤ ᠬᠦᠷᠴᠦ᠂ | ᠪᠦᠬᠦ ᠵᠢᠯ ᠤᠨ ᠵᠢᠱᠢᠭᠰᠡᠨ ᠬᠠᠷᠠᠯᠳᠠ ᠡᠭᠦᠷᠭᠡ ᠶᠢᠨ 84.75% ᠶᠢ ᠪᠡᠶᠡᠯᠡᠭᠦᠯᠵᠣ᠂ ᠡᠭᠦᠨ ᠳᠤ ᠭᠠᠶᠢᠯᠢ ᠶᠢᠨ | ᠣᠷᠣᠯᠭ᠎ᠠ 3.41 ᠳ᠋ᠦᠩᠰᠢᠭᠤᠷ ᠲᠦᠭᠦᠷᠢᠭ᠂ ᠭᠠᠶᠢᠯᠢ ᠶᠢᠨ ᠪᠣᠰᠣ ᠣᠷᠣᠯᠭ᠎ᠠ 3.37 ᠳ᠋ᠦᠩᠰᠢᠭᠤᠷ ᠲᠦᠭᠦᠷᠢᠭ | ᠪᠡᠶᠡᠯᠡᠭᠦᠯᠪᠡ᠃ | ︵ᠬᠤᠶᠠᠷ︶ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠦᠨ᠂ ᠠᠷᠠᠳ ᠤᠨ ᠠᠮᠢᠳᠣᠷᠠᠯ ᠤᠨ ᠪᠠᠳᠣᠯᠠᠭ᠎ᠠ | ᠶᠢ ᠡᠷᠴᠢᠮᠵᠢᠭᠦᠯᠪᠡ᠃ ︽ᠣᠷᠣᠯᠭ᠎ᠠ ᠪᠠᠨ ᠦᠨᠳᠦᠰᠦᠯᠡᠨ ᠵᠠᠷᠣᠯᠭ᠎ᠠ ᠪᠠᠨ ᠲᠣᠬᠢᠷᠠᠭᠤᠯᠬᠤ᠂ ᠪᠠᠳᠣᠯᠠᠬᠤ ᠪᠠᠭᠠᠰᠬᠠᠬᠤ | ᠶᠢ ᠣᠶᠠᠯᠳᠣᠭᠤᠯᠬᠤ︾ ᠵᠠᠷᠴᠢᠮ ᠢ ᠪᠠᠷᠢᠮᠳᠠᠯᠠᠨ ᠵᠠᠷᠣᠯᠭ᠎ᠠ ᠶᠢᠨ ᠬᠠᠮᠢᠶᠠᠷᠣᠯᠳᠠ ᠶᠢ ᠴᠢᠩᠭᠠᠳᠬᠠᠵᠣ᠂ ᠵᠣᠬᠢᠰᠳᠠᠢ | ᠬᠤᠪᠢᠶᠠᠷᠢᠯᠠᠯ ᠢ ᠪᠠᠳᠣᠯᠠᠪᠠ᠃ ︽ᠭᠤᠷᠪᠠᠨ ᠠᠯᠪᠠᠨ ᠤ ᠵᠠᠷᠣᠳᠠᠯ︾ ᠪᠣᠯᠣᠨ ᠡᠩ ᠤᠨ ᠵᠠᠷᠣᠯᠭ᠎ᠠ ᠶᠢ ᠶᠡᠭᠡ ᠪᠠᠷ | ᠪᠠᠭᠠᠰᠬᠠᠨ᠂ ᠪᠠᠶᠢᠭᠤᠯᠣᠮᠵᠢ ᠶᠢᠨ ᠡᠷᠬᠢᠯᠳᠡ᠂ ᠠᠵᠢᠯᠳᠠᠨ ᠤ ᠴᠠᠯᠢᠩ᠂ ᠨᠡᠶᠢᠭᠡᠮ ᠤᠨ ᠪᠠᠳᠣᠯᠠᠭ᠎ᠠ ᠪᠣᠯᠣᠨ ᠪᠦᠬᠦ | ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠲᠠᠢ ᠬᠤᠯᠪᠣᠭᠳᠠᠬᠤ ᠭᠤᠣᠯᠳᠠᠯᠭ᠎ᠠ ᠲᠠᠢ ᠵᠠᠷᠣᠳᠠᠯ ᠢ | ᠰᠠᠶᠢᠳᠦᠷ ᠪᠠᠳᠣᠯᠠᠭᠰᠠᠨ ᠰᠠᠭᠤᠷᠢᠨ ᠲᠡᠭᠡᠷ᠎ᠡ᠂ ︽ᠦᠨᠳᠦᠰᠣᠨ ᠵᠣᠶᠢᠯ ᠢ ᠪᠠᠳᠣᠯᠠᠬᠤ᠂ ᠲᠣᠣᠷ᠎ᠠ ᠬᠢᠵᠠᠭᠠᠷ ᠢ | ᠪᠠᠳᠣᠯᠠᠬᠤ᠂ ᠡᠷᠭᠡ ᠲᠡᠭᠰᠢ ᠶᠢ ᠠᠬᠢᠭᠤᠯᠬᠤ︾ ᠶᠢ ᠴᠢᠬᠤᠯᠠᠴᠢᠯᠠᠵᠣ᠂ ᠨᠡᠩ ᠠᠷᠪᠢᠨ ᠡᠳ᠋ ᠤᠨ ᠬᠦᠴᠦᠨ ᠢ ᠠᠷᠠᠳ | ᠤᠨ ᠠᠮᠢᠳᠣᠷᠠᠯ ᠤᠨ ᠬᠦᠷᠢᠶ᠎ᠠ ᠬᠡᠪᠴᠢᠶᠠᠨ ᠳᠤ ᠵᠠᠷᠣᠴᠠᠭᠤᠯᠵᠣ᠂ ᠨᠡᠶᠢᠳᠡ ᠶᠢᠨ ᠡᠳ᠋ ᠤᠨ ᠵᠠᠰᠠᠭ ᠤᠨ ᠣᠨᠣᠯᠵᠢᠭᠤᠨ | ᠢ ᠡᠳ᠋ ᠤᠨ ᠵᠠᠰᠠᠭ ᠤᠨ ᠠᠵᠢᠯ ᠤᠨ ᠪᠦᠬᠦ ᠶᠠᠪᠣᠴᠠ ᠳᠤ ᠲᠣᠣᠱᠯᠠᠭᠤᠯᠵᠣ᠂ ᠠᠷᠠᠳ ᠤᠨ ᠠᠮᠢᠳᠣᠷᠠᠯ ᠤᠨ | ᠰᠠᠶᠢᠵᠢᠷᠠᠭᠤᠯᠣᠯᠳᠠ ᠶᠢ ᠡᠳ᠋ ᠤᠨ ᠵᠠᠰᠠᠭ ᠤᠨ ᠭᠠᠷᠳᠠᠴᠠ ᠪᠣᠯᠣᠨ ᠵᠣᠭᠰᠣᠴᠠ ᠪᠣᠯᠭᠠᠵᠣ᠂ ᠡᠳ᠋ ᠤᠨ ᠵᠠᠰᠠᠭ ᠤᠨ | ᠪᠠᠳᠣᠯᠠᠭᠠᠨ ᠤ ᠲᠡᠷᠢᠭᠦᠨ ᠪᠠᠶᠢᠷᠢᠨ ᠳᠤ ᠲᠠᠯᠪᠢᠪᠠ᠃ ᠡᠭᠦᠨ ᠳᠤ ᠠᠷᠠᠳ ᠤᠨ ᠠᠮᠢᠳᠣᠷᠠᠯ ᠤᠨ ᠲᠠᠯ᠎ᠠ ᠪᠠᠷ 15.96 | ᠳ᠋ᠦᠩᠰᠢᠭᠤᠷ ᠲᠦᠭᠦᠷᠢᠭ ᠵᠠᠷᠣᠴᠠᠭᠤᠯᠵᠣ᠂ ᠡᠳ᠋ ᠤᠨ ᠵᠠᠰᠠᠭ ᠤᠨ ᠶᠡᠷᠦᠩᠭᠡᠢ ᠵᠠᠷᠣᠯᠭ᠎ᠠ ᠶᠢᠨ 80.57 ᠶᠢ ᠡᠵᠡᠯᠡᠵᠣ | ᠂ ᠠᠷᠠᠳ ᠤᠨ ᠠᠮᠢᠳᠣᠷᠠᠯ ᠢ ᠪᠦᠳᠦᠮᠵᠢᠳᠡᠢ ᠪᠠᠳᠣᠯᠠᠨ ᠰᠠᠶᠢᠵᠢᠷᠠᠭᠤᠯᠪᠠ᠃ | ︵ᠭᠤᠷᠪᠠ︶ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ | ᠠᠵᠣ ᠠᠬᠤᠢ ᠶᠢᠨ ᠬᠦᠭᠵᠢᠯᠳᠡ ᠶᠢᠨ ᠬᠤᠪᠢᠷᠠᠭᠤᠯᠣᠯᠳᠠ ᠲᠣᠬᠢᠷᠠᠭᠤᠯᠣᠯᠳᠠ ᠶᠢ ᠲᠡᠰ ᠲᠠᠪᠰᠢᠭᠤᠯᠪᠠ᠃ ᠨᠢᠭᠡ ᠳᠤ | ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠤᠨ ᠭᠠᠶᠢᠯᠢ ᠪᠣᠯᠭᠠᠨ ᠬᠤᠪᠢᠷᠠᠭᠤᠯᠬᠤ︾ ᠲᠣᠷᠰᠢᠯᠳᠠ ᠶᠢᠨ | ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠣ᠂ ᠭᠠᠶᠢᠯᠢ ᠲᠠᠳᠠᠪᠦᠷᠢ᠂ ᠨᠡᠶᠢᠭᠡᠮ ᠤᠨ ᠪᠠᠳᠣᠯᠠᠭ᠎ᠠ ᠪᠠᠷ ᠭᠤᠣᠯ ᠠᠷᠭ᠎ᠠ | ᠠᠪᠴᠠᠯ ᠪᠣᠯᠭᠠᠭᠰᠠᠨ ᠲᠠᠬᠢᠨ ᠵᠣᠬᠢᠴᠠᠭᠤᠯᠬᠤ ᠲᠣᠭᠳᠠᠴᠠ ᠶᠢ ᠣᠯᠠᠮ ᠲᠡᠭᠦᠯᠳᠡᠷᠵᠢᠭᠦᠯᠦᠨ᠂ ᠪᠠᠭ᠎ᠠ ᠵᠢᠵᠢᠭ ᠠᠵᠣ | ᠠᠬᠤᠶᠢᠯᠠᠯ ᠪᠣᠯᠣᠨ ᠣᠶᠢᠯᠠᠳᠪᠦᠷᠢ ᠬᠤᠳᠠᠯᠳᠣᠭᠠᠨ ᠤ ᠬᠤᠪᠢ ᠡᠷᠦᠭᠡ ᠶᠢᠨ ᠭᠠᠶᠢᠯᠢ ᠲᠠᠳᠠᠪᠦᠷᠢ ᠶᠢᠨ ᠡᠯ᠎ᠡ ᠲᠦᠷᠦᠯ | ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠠᠵᠣ ᠠᠬᠤᠢ ᠶᠢ | ᠲᠡᠳᠬᠦᠨ ᠬᠦᠭᠵᠢᠯᠳᠡ ᠶᠢ ᠨᠢ ᠲᠦᠷᠭᠡᠳᠬᠡᠪᠡ᠃ ᠬᠤᠶᠠᠷ ᠲᠤ PPP ᠵᠠᠭᠪᠣᠷ ᠢ ᠶᠡᠭᠡ ᠪᠠᠷ ᠲᠦᠭᠡᠮᠡᠯᠵᠢᠭᠦᠯᠵᠣ᠂ | ᠬᠤᠪᠢ ᠶᠢᠨ ᠠᠵᠣ ᠠᠬᠤᠶᠢᠯᠠᠯ᠂ ᠠᠷᠠᠳ ᠤᠨ ᠬᠦᠷᠦᠩᠭᠡ ᠬᠢᠬᠡᠳ ᠵᠠᠰᠠᠭ ᠤᠨ ᠣᠷᠳᠣᠨ ᠤ ᠬᠠᠮᠳᠣᠷᠠᠯᠴᠠᠭ᠎ᠠ ᠶᠢ | ᠵᠣᠷᠢᠭᠵᠢᠭᠤᠯᠣᠨ᠂ ᠪᠦᠬᠦ ᠬᠤᠰᠢᠭᠤᠨ ᠤ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠳᠤ | ᠣᠷᠣᠯᠴᠠᠭᠤᠯᠵᠣ᠂ ᠲᠠᠪᠣᠨ ᠲᠦᠷᠦᠯ ᠵᠣᠶᠢᠯ ᠢ ᠦᠪᠡᠷᠳᠡᠭᠡᠨ ᠵᠠᠰᠠᠬᠤ ᠣᠷᠣᠨ ᠤ PPP ᠲᠠᠭᠤᠷᠢᠶᠠᠯ ᠲᠦᠷᠦᠯ | ᠵᠣᠶᠢᠯ ᠤᠨ ᠬᠦᠮᠦᠷᠭᠡ ᠳᠤ ᠣᠷᠣᠭᠤᠯᠣᠨ᠂ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠭᠡᠯ | ᠤᠨ ᠪᠠᠭᠤᠳᠠᠯ᠂ ᠪᠣᠷᠣᠪᠠᠯᠭᠠᠰᠦ ᠶᠢᠨ ᠣᠨᠴᠠᠯᠢᠭᠳᠦ ᠪᠠᠯᠭᠠᠰᠣᠨ ᠤ ᠪᠠᠶᠢᠭᠤᠯᠣᠯᠳᠠ ᠡᠬᠢᠯᠡᠨ ᠬᠡᠷᠡᠭᠵᠢᠭᠦᠯᠦᠭᠳᠡᠵᠣ᠂ | ᠬᠤᠯᠪᠣᠭᠳᠠᠬᠤ ᠪᠡᠯᠡ ᠮᠦᠩᠭᠦ 9.27 ᠳ᠋ᠦᠩᠰᠢᠭᠤᠷ ᠲᠦᠭᠦᠷᠢᠭ ᠲᠤ ᠬᠦᠷᠴᠦ᠂ ᠨᠡᠶᠢᠭᠡᠮ ᠤᠨ ᠬᠦᠷᠦᠩᠭᠡ ᠶᠢ | ᠪᠦᠳᠦᠮᠵᠢᠳᠡᠢ ᠲᠠᠶᠢᠴᠢᠯᠠᠨ᠂ ᠠᠵᠣ ᠠᠬᠤᠢ ᠶᠢᠨ ᠨᠡᠮᠡᠭᠳᠡᠯ ᠤᠨ ᠰᠢᠨ᠎ᠡ ᠬᠦᠳᠡᠯᠭᠡᠭᠴᠢ ᠬᠦᠴᠦᠨ ᠪᠣᠶᠢᠵᠢᠭᠤᠯᠪᠠ᠃ | ᠭᠤᠷᠪᠠ ᠳᠤ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠲᠣᠳᠣᠭᠠᠳᠦ ᠬᠢᠵᠠᠭᠠᠷᠯᠠᠯ ᠤᠨ ᠬᠠᠮᠢᠶᠠᠷᠣᠯᠳᠠ ᠶᠢ | ᠴᠢᠩᠭᠠᠳᠬᠠᠨ᠂ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠦᠷ᠎ᠡ ᠠᠰᠢᠭ ᠢ ᠲᠠᠰᠣᠷᠠᠯᠳᠠ ᠦᠭᠡᠢ | ᠲᠡᠭᠡᠭᠰᠢᠯᠡᠭᠦᠯᠵᠣ᠂ ᠪᠦᠬᠦ ᠬᠤᠰᠢᠭᠤᠨ ᠤ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠬᠡᠪᠴᠢᠶᠡᠵᠢᠯ 3.23 | ᠳ᠋ᠦᠩᠰᠢᠭᠤᠷ ᠲᠦᠭᠦᠷᠢᠭ ᠬᠦᠷᠴᠦ᠂ ᠨᠡᠶᠢᠳᠡ 0.21 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠠᠷᠪᠢᠯᠠᠨ᠂ | ᠪᠡᠯᠡ ᠮᠦᠩᠭᠦᠨ ᠤ ᠠᠷᠪᠢᠯᠠᠯᠳᠠ ᠶᠢᠨ ᠨᠣᠷᠮ᠎ᠠ 6.31% ᠳᠤ ᠬᠦᠷᠪᠡ᠃ ᠲᠦᠷᠪᠡ ᠳᠤ ᠵᠠᠰᠠᠭ ᠤᠨ ᠣᠷᠳᠣᠨ | ᠠᠴᠠ ᠣᠶᠢᠯᠡᠴᠢᠯᠡᠭᠡ ᠬᠤᠳᠠᠯᠳᠣᠨ ᠠᠪᠬᠤ ᠶᠢ ᠢᠳᠡᠪᠬᠢᠳᠡᠢ ᠬᠡᠷᠡᠭᠵᠢᠭᠦᠯᠦᠨ᠂ ᠠᠷᠠᠳ ᠤᠨ ᠠᠮᠢᠳᠣᠷᠠᠯ ᠲᠠᠢ | ᠬᠤᠯᠪᠣᠭᠳᠠᠬᠤ ᠲᠣᠯᠠᠭᠠᠯᠠᠭ᠎ᠠ ᠶᠢᠨ ᠲᠦᠪᠯᠡᠷᠡᠩᠭᠦᠢ ᠬᠠᠩᠭᠠᠯᠠᠭ᠎ᠠ᠂ ᠠᠳᠠᠯ ᠠᠬᠤᠢ ᠶᠢᠨ ᠬᠠᠮᠢᠶᠠᠷᠣᠯᠳᠠ᠂ | ᠴᠡᠴᠡᠷᠯᠢᠭᠵᠢᠭᠦᠯᠭᠡ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠨᠡᠶᠢᠳᠡ ᠶᠢᠨ ᠣᠶᠢᠯᠠᠰ ᠤᠨ ᠣᠶᠢᠯᠡᠴᠢᠯᠡᠭᠡ | ᠶᠢ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠬᠡᠯᠪᠡᠷᠢ ᠪᠠᠷ ᠬᠡᠷᠡᠭᠵᠢᠭᠦᠯᠵᠣ᠂ ᠨᠡᠶᠢᠳᠡ ᠶᠢᠨ ᠣᠶᠢᠯᠡᠴᠢᠯᠡᠭᠡᠨ | ᠤ ᠲᠦᠪᠰᠢᠨ ᠪᠣᠯᠣᠨ ᠨᠡᠶᠢᠭᠡᠮ ᠤᠨ ᠵᠠᠰᠠᠯᠳᠠ ᠶᠢᠨ ᠴᠢᠳᠠᠪᠦᠷᠢ ᠶᠢ ᠪᠦᠳᠦᠮᠵᠢᠳᠡᠢ ᠲᠡᠭᠡᠭᠰᠢᠯᠡᠭᠦᠯᠪᠡ᠃ ᠲᠥᠷᠥᠭᠦᠥ | ᠭᠤᠷᠪᠠᠨ ᠣᠯᠠᠷᠢᠯ ᠳᠤ ᠪᠦᠬᠦ ᠬᠤᠰᠢᠭᠤᠨ ᠤ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠣᠶᠢᠯᠡᠴᠢᠯᠡᠭᠡ 13 | ᠲᠦᠷᠦᠯ ᠳᠤ ᠬᠦᠷᠴᠦ᠂ ᠡᠭᠦᠨ ᠳᠤ ᠦᠷᠭᠦᠯᠵᠢᠯᠡᠨ ᠪᠠᠶᠢᠭᠤᠯᠵᠣ ᠪᠠᠶᠢᠭ᠎ᠠ ᠲᠦᠷᠦᠯ ᠵᠣᠶᠢᠯ 8᠂ ᠰᠢᠨ᠎ᠡ | ᠪᠠᠶᠢᠭᠤᠯᠣᠭᠰᠠᠨ ᠲᠦᠷᠦᠯ ᠵᠣᠶᠢᠯ 5 ᠪᠣᠯᠵᠣ᠂ 10 ᠵᠠᠰᠠᠭ ᠵᠠᠬᠢᠷᠭ᠎ᠠ ᠠᠵᠢᠯ ᠣᠶᠢᠯᠠᠰ ᠤᠨ ᠨᠢᠭᠡᠴᠡ ᠲᠠᠢ | ᠬᠤᠯᠪᠣᠭᠳᠠᠨ ᠶᠡᠷᠦᠩᠬᠡᠢ ᠪᠡᠯᠡ ᠣᠷᠣᠭᠤᠯᠣᠯᠳᠠ0.39 ᠳ᠋ᠦᠩᠰᠢᠭᠤᠷ ᠲᠦᠭᠦᠷᠢᠭ ᠬᠦᠷᠪᠡ᠃ | ︵ᠲᠦᠷᠪᠡ︶ ᠡᠳ᠋ ᠤᠨ ᠵᠠᠰᠠᠭ ᠤᠨ ᠬᠢᠨᠡᠨ ᠬᠠᠮᠢᠶᠠᠷᠣᠯᠳᠠ ᠶᠢ ᠴᠢᠩᠭᠠᠳᠬᠠᠨ᠂ ᠪᠡᠯᠡ ᠮᠥᠩᠭᠦᠨ ᠤ ᠦᠷ᠎ᠡ | ᠠᠰᠢᠭ ᠢ ᠢᠯᠡᠷᠬᠡᠢ ᠲᠡᠭᠡᠭᠰᠢᠯᠡᠭᠦᠯᠪᠡ᠃ ᠨᠢᠭᠡ ᠳᠤ ︽ᠭᠤᠷᠪᠠᠨ ᠠᠯᠪᠠᠨ ᠤ ᠵᠠᠷᠣᠳᠠᠯ︾ ᠢ ᠶᠡᠭᠡ ᠪᠠᠷ ᠪᠠᠭᠠᠰᠬᠠᠵᠣ᠂ | ᠲᠥᠷᠥᠭᠦᠥ ᠭᠤᠷᠪᠠᠨ ᠣᠯᠠᠷᠢᠯ ᠳᠤ ᠪᠦᠬᠦ ᠬᠤᠰᠢᠭᠤᠨ ᠤ ︽ᠭᠤᠷᠪᠠᠨ ᠠᠯᠪᠠᠨ ᠤ ᠵᠠᠷᠣᠳᠠᠯ︾ ᠨᠡᠶᠢᠳᠡ 1013 | ᠲᠦᠮᠡᠨ ᠲᠦᠬᠦᠷᠢᠭ ᠪᠣᠯᠵᠣ᠂ ᠠᠳᠠᠯᠢ ᠬᠤᠭᠤᠴᠠᠭᠠᠨ ᠠᠴᠠ 2.41% ᠪᠠᠭᠤᠷᠠᠨ᠂ ᠡᠩ ᠤᠨ ᠠᠯᠪᠠᠨ ᠤ ᠵᠠᠷᠣᠯᠭ᠎ᠠ | ᠨᠡᠮᠡᠭᠳᠡᠭᠰᠡᠨ ᠦᠭᠡᠢ᠃ ᠬᠤᠶᠠᠷ ᠲᠤ ᠦᠷᠢ ᠦᠭᠴᠡᠭᠡᠨ ᠤ ᠬᠠᠮᠢᠶᠠᠷᠣᠯᠳᠠ ᠡᠵᠡᠮᠰᠢᠯ ᠢ ᠴᠢᠩᠭᠠᠳᠬᠠᠨ᠂ ᠣᠯᠠᠨ | ᠠᠷᠭ᠎ᠠ ᠵᠠᠮ ᠢᠶᠠᠷ ᠦᠷᠢ ᠦᠭᠴᠡᠭᠡ ᠰᠢᠢᠳᠪᠦᠷᠢᠯᠡᠬᠦ ᠪᠡᠯᠡ ᠮᠦᠩᠭᠦ ᠴᠣᠭᠯᠠᠭᠤᠯᠵᠣ᠂ ᠦᠯᠡᠳᠡᠭᠳᠡᠯ ᠦᠷᠢ ᠦᠭᠴᠡᠭᠡ | ᠶᠢ ᠲᠣᠬᠢᠳᠠᠢ ᠰᠢᠢᠳᠪᠦᠷᠢᠯᠡᠨ᠂ ᠣᠷᠣᠨ ᠬᠡᠪᠴᠢᠶᠡᠨ ᠤ ᠴᠢᠨᠠᠷᠳᠠᠢ ᠪᠠ ᠰᠢᠰᠲ᠋ᠧᠮᠳᠦ ᠴᠢᠨᠠᠷᠳᠠᠢ ᠲᠦᠭᠰᠢᠭᠦᠷᠢ ᠶᠢᠨ | ᠬᠤᠷᠢᠭ᠎ᠠ ᠱᠣᠭᠤᠮ ᠢ ᠪᠠᠳᠦ ᠡᠵᠡᠮᠳᠡᠵᠣ᠂ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠦᠭᠰᠢᠭᠦᠷᠢ ᠶᠢ ᠦᠨᠡᠨ ᠬᠦ | ᠰᠡᠷᠭᠡᠶᠢᠯᠡᠵᠣ᠂ ᠨᠡᠶᠢᠳᠡ 3.35 ᠳ᠋ᠦᠩᠰᠢᠭᠤᠷ ᠲᠦᠬᠦᠷᠢᠭ ᠤᠨ ᠵᠠᠰᠠᠭ ᠤᠨ ᠣᠷᠳᠣᠨ ᠤ ᠦᠯᠡᠳᠡᠭᠳᠡᠯ ᠦᠷᠢ ᠰᠢᠷᠢ | ᠶᠢ ᠰᠢᠢᠳᠪᠦᠷᠢᠯᠡᠪᠡ᠃ ᠭᠤᠷᠪᠠ ᠳᠤ ᠵᠠᠰᠠᠭ ᠤᠨ ᠣᠷᠳᠣᠨ ᠤ ᠪᠡᠯᠡ ᠣᠷᠣᠭᠤᠯᠣᠭᠰᠠᠨ ᠲᠦᠷᠦᠯ ᠵᠣᠶᠢᠯ ᠠᠴᠠ | ᠪᠦᠷᠢᠯᠳᠦᠭᠰᠡᠨ ᠬᠦᠷᠦᠩᠭᠡ ᠬᠤᠭᠰᠢᠯ ᠢ ᠪᠠᠶᠢᠴᠠᠭᠠᠨ ᠲᠣᠳᠣᠷᠬᠠᠶᠢᠯᠠᠵᠣ ᠲᠠᠩᠰᠠᠯᠠᠨ᠂ ᠮᠠᠨ ᠤ ᠬᠤᠰᠢᠭᠤᠨ ᠤ ᠣᠯᠣᠰ | ᠤᠨ ᠦᠮᠴᠢᠯᠡᠯᠳᠦ ᠬᠦᠷᠦᠩᠭᠡ ᠬᠤᠭᠰᠢᠯ ᠤᠨ ᠵᠠᠩᠬᠢᠴᠢᠯᠠᠭᠰᠠᠨ ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠭᠦᠯᠵᠣ᠂ | ᠤᠯᠤᠰ ᠤᠨ ᠥᠮᠴᠢᠯᠠᠯᠳᠤ ᠬᠥᠷᠥᠩᠭᠡ ᠬᠤᠭᠰᠢᠯ ᠤᠨ ᠠᠮᠤᠷ ᠲᠥᠪᠰᠢᠨ ᠪᠥᠷᠢᠨ ᠪᠥᠳᠥᠨ᠂ ᠥᠷᠳᠡᠭ ᠤᠨ | ᠪᠠᠳᠤᠯᠠᠭ᠎ᠠ ᠥᠷᠳᠡᠭ ᠤᠨ ᠨᠡᠮᠡᠭᠳᠡᠯ ᠢ ᠪᠠᠳᠤᠯᠠᠪᠠ᠃ ᠲᠥᠷᠪᠡ ᠳᠤ᠂ ︽ᠵᠠᠪᠰᠢᠮᠠᠬᠠᠢ ᠢᠯᠵᠢᠷᠡᠯ︾ ᠤᠨ ᠠᠰᠠᠭᠤᠳᠠᠯ ᠢ | ᠲᠥᠪᠯᠡᠷᠡᠭᠦᠯᠥᠨ ᠴᠡᠭᠴᠡᠯᠡᠭᠦ ᠲᠠᠢ ᠤᠶᠠᠯᠳᠤᠭᠤᠯᠤᠨ᠂ ᠨᠢᠭᠳᠠᠯᠠᠨ ᠪᠤᠳᠤᠯᠳᠠ ᠶᠢᠨ ᠮᠡᠳᠡᠭᠡ ᠵᠠᠩᠬᠢ ᠶᠢᠨ ᠴᠢᠨᠠᠷ | ᠴᠢᠨᠰᠠᠭ᠎ᠠ᠂ ︽ᠭᠤᠷᠪᠠᠨ ᠠᠯᠪᠠᠨ ᠤ ᠵᠠᠷᠤᠳᠠᠯ︾᠂ ᠲᠥᠰᠥᠪ ᠪᠤᠯᠤᠨ ᠲᠥᠰᠥᠪ ᠤᠨ ᠭᠥᠢᠴᠡᠳᠭᠡᠯ ᠤᠨ | ᠢᠯᠡᠰᠢᠭᠦᠯᠥᠯᠳᠡ ᠶᠢᠨ ᠬᠤᠯᠪᠤᠭᠳᠠᠯ ᠪᠥᠭᠦᠢ ᠬᠢᠨᠠᠯᠳᠠ ᠪᠠᠶᠢᠴᠠᠭᠠᠯᠳᠠ ᠶᠢ ᠪᠥᠭᠦ ᠲᠠᠯ᠎ᠠ ᠪᠠᠷ ᠥᠷᠨᠢᠭᠦᠯᠵᠥ᠂ ᠡᠳ᠋ ᠤᠨ | ᠵᠠᠰᠠᠭ ᠤᠨ ᠪᠡᠯᠡ ᠮᠥᠩᠭᠦᠨ ᠤ ᠭᠡᠷᠡᠭᠯᠡᠯᠳᠡ ᠶᠢᠨ ᠶᠠᠪᠤᠴᠠ ᠳᠤ ᠤᠷᠤᠰᠢᠵᠤ ᠪᠥᠭᠦᠢ ᠲᠥᠷᠢᠮ ᠵᠥᠷᠢᠴᠡᠭᠰᠡᠨ | ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠥᠷᠢᠯᠡᠵᠥ᠂ ᠠᠰᠠᠭᠤᠳᠠᠯ ᠤᠷᠤᠰᠢᠵᠤ ᠪᠠᠶᠢᠭ᠎ᠠ ᠨᠢᠭᠡᠴᠡ ᠳᠤ ᠰᠢᠢᠳᠪᠥᠷᠢᠯᠡᠭᠦ | ᠰᠠᠨᠠᠯ ᠲᠤᠷᠠᠳᠤᠨ᠂ ᠡᠶᠢᠮᠤᠷᠭᠦ ᠠᠰᠠᠭᠤᠳᠠᠯ ᠲᠠᠬᠢᠨᠳᠠ ᠢᠯᠡᠷᠡᠭᠦ ᠶᠢ ᠲᠠᠰᠤ ᠵᠤᠭᠰᠤᠭᠠᠪᠠ᠃ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠪᠠ ᠲᠤᠳᠤᠭᠠᠳᠤ ᠭᠡᠷᠡᠭᠯᠡᠭᠡ ᠶᠢ ᠥᠷᠭᠡᠳᠭᠡᠭᠦ ᠵᠡᠷᠭᠡ ᠡᠳ᠋ ᠤᠨ ᠵᠠᠰᠠᠭ ᠤᠨ ᠲᠤᠰᠬᠠᠢ ᠲᠥᠷᠥᠯ ᠤᠨ | ᠪᠡᠯᠡ ᠮᠥᠩᠭᠦᠨ ᠤ ᠬᠢᠨᠠᠯᠳᠠ ᠬᠠᠮᠢᠶᠠᠷᠤᠯᠳᠠ ᠶᠢ ᠤᠯᠠᠮ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦᠨ ᠤ | ᠬᠡᠷᠡᠭᠯᠡᠯᠳᠡ ᠶᠢᠨ ᠥᠷ᠎ᠡ ᠠᠰᠢᠭ ᠢ ᠲᠡᠭᠡᠭᠰᠢᠯᠡᠭᠦᠯᠪᠡ᠃ ᠲᠠᠪᠤ ᠳᠤ᠂ ︽ᠡᠭᠦᠷᠭᠡ ᠬᠠᠷᠢᠭᠤᠴᠠᠯᠭ᠎ᠠ ᠲᠤᠳᠤᠷᠬᠠᠢ᠂ | ᠪᠥᠳᠥᠴᠡ ᠵᠥᠢ ᠵᠤᠬᠢᠰᠳᠡᠢ᠂ ᠡᠷᠬᠢᠯᠳᠡ ᠥᠨᠳᠥᠷ ᠠᠰᠢᠭᠳᠠᠢ᠂ ᠬᠢᠵᠠᠭᠠᠷᠯᠠᠯ ᠡᠷᠴᠢᠮ ᠲᠠᠢ︾ ᠵᠠᠷᠴᠢᠮ ᠶᠤᠰᠤᠭᠠᠷ | ᠲᠥᠰᠥᠪ ᠤᠨ ᠤᠷᠤᠨ ᠲᠤᠭ᠎ᠠ᠂ ᠲᠥᠰᠥᠪ ᠤᠨ ᠭᠡᠷᠡᠭᠵᠢᠭᠦᠯᠥᠯᠳᠡ᠂ ᠪᠠᠶᠢᠭᠤᠯᠭ᠎ᠠ ᠶᠢᠨ ᠠᠵᠢᠯᠯᠠᠮᠵᠢ ᠵᠡᠷᠭᠡ ᠶᠠᠪᠤᠴᠠ | ᠳᠤ ᠤᠷᠤᠰᠢᠵᠤ ᠪᠠᠶᠢᠭ᠎ᠠ ᠲᠥᠭᠰᠢᠭᠦᠷᠢ ᠶᠢ ᠪᠠᠶᠢᠴᠠᠭᠠᠨ ᠡᠮᠬᠢᠯᠡᠭᠦ ᠪᠠᠷ ᠲᠠᠮᠵᠢᠭᠤᠯᠤᠨ᠂ ᠲᠤᠳᠤᠭᠠᠳᠤ ᠡᠵᠡᠮᠰᠢᠯ | ᠬᠢᠵᠠᠭᠠᠷᠯᠠᠯ ᠢ ᠲᠥᠷᠢᠮᠵᠢᠭᠦᠯᠵᠥ᠂ ᠡᠳ᠋ ᠤᠨ ᠵᠠᠰᠠᠭ ᠤᠨ ᠲᠤᠳᠤᠭᠠᠳᠤ ᠬᠠᠮᠢᠶᠠᠷᠤᠯᠳᠠ ᠶᠢᠨ ᠴᠢᠳᠠᠪᠤᠷᠢ ᠶᠢ | ᠲᠡᠭᠡᠭᠰᠢᠯᠡᠭᠦᠯᠪᠡ᠃ | ᠲᠥᠯᠥᠭᠡᠯᠡᠭᠴᠢᠳ ᠡ᠂ ᠲᠥᠷᠥᠭᠦᠥ ᠭᠤᠷᠪᠠᠨ ᠤᠯᠠᠷᠢᠯ ᠤᠨ ᠡᠳ᠋ ᠤᠨ ᠵᠠᠰᠠᠭ ᠤᠨ ᠲᠥᠰᠥᠪ ᠤᠨ | ᠭᠡᠷᠡᠭᠵᠢᠭᠦᠯᠥᠯᠳᠡ ᠶᠢᠨ ᠪᠠᠶᠢᠳᠠᠯ ᠶᠡᠷᠥᠩᠭᠡᠢ ᠳᠤ ᠪᠠᠨ ᠨᠡᠯᠢᠶᠡᠳ ᠰᠠᠶᠢᠨ ᠪᠠᠶᠢᠵᠤ᠂ ᠤᠷᠤᠯᠭ᠎ᠠ ᠵᠠᠷᠤᠯᠭ᠎ᠠ ᠶᠢᠨ | ᠴᠢᠨᠠᠷᠵᠢᠯ ᠢᠯᠡᠷᠭᠡᠢ ᠲᠡᠭᠡᠭᠰᠢᠯᠡᠪᠡ᠃ ᠬᠡᠪᠡᠴᠤ ᠪᠢᠳᠠ᠂ ᠡᠳ᠋ ᠤᠨ ᠵᠠᠰᠠᠭ ᠤᠨ ᠠᠵᠢᠯ ᠳᠤ ᠲᠤᠯᠭᠠᠷᠠᠵᠤ ᠪᠥᠭᠦᠢ | ᠭᠥᠴᠢᠷᠳᠡᠯ ᠪᠤᠯᠤᠨ ᠠᠰᠠᠭᠤᠳᠠᠯ ᠢ ᠰᠡᠷᠭᠡᠭ ᠢᠶᠠᠷ ᠲᠠᠨᠢᠬᠤ ᠭᠡᠷᠡᠭᠳᠡᠢ᠃ ᠨᠢᠭᠡ ᠳᠤ᠂ ᠠᠵᠤ ᠥᠢᠯᠡᠳᠪᠥᠷᠢ ᠪᠠᠷ | ᠭᠤᠤᠯᠯᠠᠭᠤᠯᠤᠭᠰᠠᠨ ᠲᠤᠯᠭᠠᠭᠤᠷᠢᠯᠠᠬᠤ ᠭᠡᠯᠪᠡᠷᠢ ᠶᠢᠨ ᠡᠳ᠋ ᠤᠨ ᠢᠷᠡᠯᠳᠡ ᠪᠤᠯᠤᠨ ᠵᠢᠭᠤᠯᠴᠢᠯᠠᠯ᠂ ᠥᠢᠯᠡᠴᠢᠯᠡᠭᠡ᠂ | ᠪᠤᠳᠠᠰ ᠤᠨ ᠭᠥᠢᠯᠭᠡᠭᠡ ᠵᠠᠷᠭᠡ ᠪᠠᠷ ᠭᠤᠤᠯᠯᠠᠭᠤᠯᠤᠭᠰᠠᠨ ᠪᠤᠰᠤᠳ ᠰᠢᠨ᠎ᠡ ᠭᠡᠯᠪᠡᠷᠢ ᠶᠢᠨ ᠡᠳ᠋ ᠤᠨ ᠢᠷᠡᠯᠳᠡ | ᠬᠠᠷᠠᠬᠠᠨ ᠪᠤᠶᠢᠵᠢᠯᠳᠠ ᠲᠤᠮᠳᠠ ᠪᠠᠶᠢᠵᠤ᠂ ᠡᠳ᠋ ᠤᠨ ᠵᠠᠰᠠᠭ ᠲᠤ ᠬᠢ ᠬᠤᠪᠢ ᠨᠡᠮᠡᠷᠢ ᠲᠤᠩ ᠬᠢᠵᠠᠭᠠᠷ ᠲᠠᠢ᠂ ᠡᠳ᠋ | ᠤᠨ ᠢᠷᠡᠯᠳᠡ ᠶᠢᠨ ᠪᠤᠶᠢᠵᠢᠭᠤᠯᠤᠯᠳᠠ ᠶᠢ ᠴᠢᠩᠭᠠᠳᠬᠠᠬᠤ ᠴᠢᠬᠤᠯᠠᠳᠠᠢ ᠪᠤᠢ︔ ᠬᠤᠶᠠᠷ ᠲᠤ᠂ ᠭᠥᠭᠵᠢᠯᠳᠡ ᠶᠢᠨ | ᠬᠡᠷᠡᠭᠴᠡᠭᠡᠨ ᠤ ᠵᠠᠷᠤᠯᠭ᠎ᠠ ᠬᠢᠭᠡᠳ ᠡᠳ᠋ ᠤᠨ ᠭᠥᠴᠥᠨ ᠤ ᠨᠡᠮᠡᠭᠳᠡᠯ ᠤᠨ ᠬᠤᠷᠳᠤᠴᠠ ᠲᠤᠬᠢᠷᠠᠯᠴᠠᠬᠤ ᠥᠭᠡᠢ᠂ ᠵᠠᠰᠠᠭ | ᠤᠨ ᠤᠷᠳᠤᠨ ᠤ ᠥᠷᠢ ᠥᠭᠴᠡᠭᠡ ᠶᠢᠨ ᠲᠠᠷᠤᠭᠠᠰᠤ ᠭᠥᠨᠳᠤ᠂ ᠡᠳ᠋ ᠤᠨ ᠵᠠᠰᠠᠭ ᠤᠨ ᠵᠠᠷᠤᠯᠭ᠎ᠠ ᠶᠢᠨ ᠲᠠᠷᠤᠯᠳᠠ | ᠨᠡᠯᠢᠶᠡᠳ ᠶᠡᠭᠡ ᠪᠤᠢ︔ ᠭᠤᠷᠪᠠ ᠳᠤ᠂ ᠭᠡᠰᠡᠭ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠳᠡ ᠶᠢᠨ ᠥᠷ᠎ᠡ | ᠠᠰᠢᠭ ᠥᠨᠳᠥᠷ ᠪᠤᠰᠤ᠂ ᠡᠳ᠋ ᠤᠨ ᠵᠠᠰᠠᠭ ᠤᠨ ᠪᠥᠳᠥᠮᠵᠢ ᠶᠢᠨ ᠥᠨᠡᠯᠡᠯᠳᠡ ᠪᠤᠯᠤᠨ ᠪᠡᠯᠡ ᠤᠷᠤᠭᠤᠯᠤᠯᠳᠠ ᠶᠢ | ᠬᠢᠨᠠᠨ ᠥᠨᠡᠯᠡᠭᠦ ᠠᠵᠢᠯ ᠢ ᠢᠳᠡᠪᠬᠢᠳᠡᠢ ᠠᠬᠢᠭᠤᠯᠬᠤ ᠴᠢᠬᠤᠯᠠᠳᠠᠢ ᠪᠤᠢ᠃ | ᠬᠤᠶᠠᠷ᠂ ᠲᠠᠷᠠᠭ᠎ᠠ ᠠᠯᠬᠤᠮ ᠤᠨ ᠡᠳ᠋ ᠤᠨ ᠵᠠᠰᠠᠭ ᠤᠨ ᠠᠵᠢᠯ ᠤᠨ ᠲᠥᠯᠥᠪᠯᠡᠭᠡ | 2017 ᠣᠨ ᠳᠤ ᠲᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ ᠢ ᠵᠢᠱᠢᠯᠳᠠ | ᠪᠠᠷ 8 ᠳ᠋ᠦᠩᠰᠢᠭᠤᠷ ᠲᠦᠬᠦᠷᠢᠭ ᠪᠡᠶᠡᠯᠡᠭᠦᠯᠵᠥ᠂ ᠨᠢᠭᠡᠳᠥᠯᠳᠡᠢ ᠪᠠᠷᠢᠮᠵᠢᠶ᠎ᠠ ᠪᠠᠷ 4.58% ᠦᠰᠬᠡᠨ᠎ᠠ ︵ᠭᠠᠶᠢᠯᠢ | ᠶᠢᠨ ᠤᠷᠤᠯᠭ᠎ᠠ ᠶᠢ 4.6 ᠳ᠋ᠦᠩᠰᠢᠭᠤᠷ ᠲᠥᠭᠦᠷᠢᠭ ᠪᠡᠶᠡᠯᠡᠭᠦᠯᠵᠥ᠂ ᠭᠠᠶᠢᠯᠢ ᠶᠢᠨ ᠪᠤᠰᠤ ᠤᠷᠤᠯᠭ᠎ᠠ ᠶᠢ 3.4 | ᠳ᠋ᠦᠩᠰᠢᠭᠤᠷ ᠲᠥᠭᠦᠷᠢᠭ ᠪᠡᠶᠡᠯᠡᠭᠦᠯᠥᠨ᠎ᠡ︶᠃ ᠲᠥᠷᠪᠡᠳᠥᠭᠡᠷ ᠤᠯᠠᠷᠢᠯ ᠳᠤ 1.22 ᠳ᠋ᠦᠩᠰᠢᠭᠤᠷ ᠲᠦᠭᠦᠷᠢᠭ | ᠤᠷᠤᠯᠭ᠎ᠠ ᠪᠡᠶᠡᠯᠡᠭᠦᠯᠥᠨ᠎ᠡ ︵ᠭᠠᠶᠢᠯᠢ ᠶᠢᠨ ᠤᠷᠤᠯᠭ᠎ᠠ ᠶᠢ 1.19 ᠳ᠋ᠦᠩᠰᠢᠭᠤᠷ ᠲᠥᠭᠦᠷᠢᠭ ᠪᠡᠶᠡᠯᠡᠭᠦᠯᠵᠥ᠂ ᠭᠠᠶᠢᠯᠢ | ᠶᠢᠨ ᠪᠤᠰᠤ ᠤᠷᠤᠯᠭ᠎ᠠ ᠶᠢ 0.03 ᠳ᠋ᠦᠩᠰᠢᠭᠤᠷ ᠲᠥᠭᠦᠷᠢᠭ ᠪᠡᠶᠡᠯᠡᠭᠦᠯᠥᠨ᠎ᠡ︶︔ ᠮᠠᠨ ᠤ ᠬᠤᠰᠢᠭᠤᠨ ᠤ ᠪᠤᠳᠠᠳᠤ | ᠭᠡᠷᠡᠭᠴᠡᠭᠡ ᠲᠠᠢ ᠤᠶᠠᠯᠳᠤᠭᠤᠯᠤᠨ 2017 ᠤᠨ ᠤ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ | ᠶᠢ ᠵᠢᠱᠢᠯᠳᠡ ᠪᠠᠷ 25.5 ᠳ᠋ᠦᠩᠰᠢᠭᠤᠷ ᠲᠥᠭᠦᠷᠢᠭ ᠪᠡᠶᠡᠯᠡᠭᠦᠯᠵᠥ᠂ ᠨᠢᠭᠡᠳᠥᠯᠳᠡᠢ ᠪᠠᠷᠢᠮᠵᠢᠶ᠎ᠠ ᠪᠠᠷ 6.87% | ᠥᠰᠭᠡᠨ᠎ᠡ ︵ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ 0.87 ᠳ᠋ᠦᠩᠰᠢᠭᠤᠷ ᠲᠥᠭᠦᠷᠢᠭ ᠵᠠᠷᠤᠯᠭ᠎ᠠ | ᠪᠠᠭᠳᠠᠨ᠎ᠠ︶᠂ ᠲᠥᠷᠪᠡᠳᠥᠭᠡᠷ ᠤᠯᠠᠷᠢᠯ ᠳᠤ 5.69 ᠳ᠋ᠦᠩᠰᠢᠭᠤᠷ ᠲᠥᠭᠦᠷᠢᠭ ᠵᠠᠷᠤᠯᠭ᠎ᠠ ᠪᠡᠶᠡᠯᠡᠭᠦᠯᠥᠨ᠎ᠡ ︵ | ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ 0.41 ᠳ᠋ᠦᠩᠰᠢᠭᠤᠷ ᠲᠥᠭᠦᠷᠢᠭ ᠵᠠᠷᠤᠯᠭ᠎ᠠ ᠪᠠᠭᠳᠠᠨ᠎ᠠ︶᠃ | ᠡᠳ᠋ ᠤᠨ ᠵᠠᠰᠠᠭ ᠤᠨ ᠡᠯ᠎ᠡ ᠲᠥᠷᠥᠯ ᠤᠨ ᠠᠵᠢᠯ ᠤᠨ ᠬᠠᠷᠠᠯᠳᠠ ᠪᠠᠨ ᠤᠷᠤᠭᠰᠢᠳᠠᠢ ᠪᠡᠶᠡᠯᠡᠭᠦᠯᠭᠦ ᠶᠢᠨ | ᠲᠤᠰᠠᠳᠠ᠂ ᠪᠢᠳᠠ ᠲᠤᠤᠷᠠᠬᠢ ᠲᠠᠪᠣᠨ ᠲᠠᠯ᠎ᠠ ᠶᠢᠨ ᠠᠵᠢᠯ ᠢ ᠭᠤᠤᠯᠳᠠᠯᠭᠠᠳᠠᠢ ᠰᠠᠶᠢᠳᠤᠷ ᠠᠳᠬᠤᠨ᠎ᠠ᠃ | ︵ᠨᠢᠭᠡ︶ ᠬᠡᠯᠪᠡᠷᠢ ᠶᠢ ᠬᠤᠪᠢᠷᠠᠭᠤᠯᠬᠤ ᠭᠥᠭᠵᠢᠯᠳᠡ ᠶᠢ ᠠᠬᠢᠭᠤᠯᠤᠨ᠂ ᠡᠳ᠋ ᠤᠨ ᠢᠷᠡᠯᠳᠡ ᠶᠢᠨ | ᠪᠠᠶᠢᠭᠤᠯᠤᠯᠳᠠ ᠶᠢ ᠲᠥᠷᠭᠡᠳᠭᠡᠨ᠎ᠡ᠃ ᠨᠢᠭᠡ ᠲᠠᠯ᠎ᠠ ᠪᠠᠷ ᠠᠵᠤ ᠠᠬᠤᠶᠢᠯᠠᠯ ᠤᠨ ᠭᠥᠭᠵᠢᠯᠳᠡ ᠶᠢᠨ ᠤᠷᠴᠢᠨ ᠢ | ᠰᠢᠯᠢᠳᠡᠭᠵᠢᠭᠦᠯᠥᠨ᠎ᠡ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠤᠨ ᠭᠠᠶᠢᠯᠢ ᠪᠤᠯᠭᠠᠨ ᠬᠤᠪᠢᠷᠠᠭᠤᠯᠬᠤ︾ | ᠥᠭᠡᠷᠡᠴᠢᠯᠡᠯᠳᠡ᠂ ᠤᠯᠤᠰ ᠤᠨ ᠵᠠᠷᠤᠳᠠᠯ ᠢ ᠴᠡᠭᠴᠡᠯᠡᠨ ᠡᠭᠦᠷᠭᠡᠯᠡᠯ ᠢ ᠪᠠᠭᠠᠰᠬᠠᠬᠤ ᠲᠥᠷᠥ ᠶᠢᠨ ᠪᠤᠳᠤᠯᠭ᠎ᠠ᠂ | ᠬᠠᠩᠭᠠᠯᠠᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠳᠠᠢ ᠥᠭᠡᠷᠡᠴᠢᠯᠡᠯᠳᠡ ᠶᠢᠨ ᠠᠬᠢᠯᠳᠠ ᠶᠢ ᠪᠥᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠳᠠᠯᠢ ᠪᠤᠰᠤ ᠠᠵᠢᠯ ᠲᠥᠷᠥᠯ ᠤᠨ ᠭᠥᠭᠵᠢᠯᠳᠡ ᠳᠤ ᠤᠷᠤᠰᠢᠵᠤ ᠪᠠᠶᠢᠭ᠎ᠠ ᠭᠥᠴᠢᠷᠳᠡᠯ | ᠪᠤᠯᠤᠨ ᠠᠰᠠᠭᠤᠳᠠᠯ ᠢ ᠥᠨᠳᠥᠰᠥᠯᠡᠨ᠂ ᠠᠵᠤ ᠠᠬᠤᠶᠢᠯᠠᠯ ᠤᠨ ᠥᠢᠯᠡᠰ ᠪᠥᠳᠥᠭᠡᠯᠳᠡ᠂ ᠭᠥᠭᠵᠢᠯᠳᠡ ᠳᠤ ᠤᠬᠢ | ᠰᠠᠶᠢᠨ ᠲᠥᠷᠥ ᠶᠢᠨ ᠪᠤᠳᠤᠯᠭ᠎ᠠ ᠶᠢᠨ ᠤᠷᠴᠢᠨ ᠪᠤᠯᠤᠨ ᠢᠳᠡᠪᠬᠢᠳᠡᠢ ᠡᠳ᠋ ᠤᠨ ᠭᠥᠴᠥᠨ ᠤ ᠲᠡᠮᠵᠢᠯᠭᠡ ᠬᠠᠩᠭᠠᠨ᠂ | ᠠᠵᠤ ᠠᠬᠤᠶᠢᠯᠠᠯ ᠤᠨ ᠠᠮᠢᠳᠤᠯᠢᠭ ᠭᠥᠴᠥᠨ ᠢ ᠤᠯᠠᠮ ᠭᠥᠭᠵᠢᠭᠡᠵᠥ᠂ ᠮᠠᠨ ᠤ ᠬᠤᠰᠢᠭᠤᠨ ᠤ ᠭᠥᠭᠵᠢᠯᠳᠡ ᠳᠤ | ᠡᠳ᠋ ᠤᠨ ᠢᠷᠡᠯᠳᠡ ᠪᠤᠶᠢᠵᠢᠭᠤᠯᠤᠨ᠎ᠠ᠃ ᠨᠥᠭᠦᠭᠡ ᠲᠠᠯ᠎ᠠ ᠪᠠᠷ᠂ ᠠᠵᠤ ᠥᠢᠯᠡᠰ ᠤᠨ ᠪᠥᠳᠥᠴᠡ ᠶᠢ | ᠥᠷᠭᠦᠯᠵᠢᠯᠡᠭᠦᠯᠤᠨ ᠰᠢᠯᠢᠳᠡᠭᠵᠢᠭᠦᠯᠥᠨ ᠲᠡᠰ ᠲᠠᠪᠰᠢᠭᠤᠯᠤᠨ᠎ᠠ᠃ ᠡᠬᠢ ᠰᠤᠷᠪᠤᠯᠵᠢ ᠶᠢᠨ ᠲᠠᠪᠠᠭᠤᠯᠢᠭ ᠲᠤ | ᠲᠥᠰᠢᠭᠯᠡᠨ ᠠᠵᠤ ᠥᠢᠯᠡᠰ ᠤᠨ ᠭᠡᠯᠬᠢᠶᠡᠵᠢᠯ ᠢ ᠤᠷᠳᠤᠰᠬᠠᠵᠤ᠂ ᠱᠠᠩᠬᠠᠢ ᠶᠢᠨ ᠰᠥᠮ᠎ᠡ ᠠᠵᠤ ᠥᠢᠯᠡᠳᠪᠥᠷᠢ ᠶᠢᠨ | ᠬᠥᠷᠢᠶᠡᠯᠡᠩ ᠤᠨ ᠨᠡᠭᠦᠷᠡᠰᠥᠨ ᠤ ᠬᠤᠪᠢᠷᠠᠭᠤᠯᠤᠯᠳᠠ ᠪᠤᠯᠤᠨ ᠨᠠᠷᠢᠯᠢᠭ ᠡᠳ᠋ᠰᠢᠭᠦᠯᠥᠯᠳᠡ ᠶᠢᠨ ᠠᠵᠤ ᠥᠢᠯᠡᠰ ᠤᠨ | ᠭᠥᠭᠵᠢᠯᠳᠡ ᠶᠢ ᠠᠬᠢᠭᠤᠯᠤᠭᠰᠠᠨ ᠰᠠᠭᠤᠷᠢᠨ ᠲᠡᠭᠡᠷ᠎ᠡ ᠠᠵᠤ ᠥᠢᠯᠡᠳᠪᠥᠷᠢ ᠶᠢᠨ ᠲᠠᠶᠢᠴᠢᠯᠠᠬᠤ ᠥᠢᠯᠡᠳᠥᠯ ᠢ | ᠭᠥᠢᠴᠡᠳ ᠪᠠᠳᠠᠷᠠᠭᠤᠯᠤᠨ᠂ ᠵᠢᠭᠤᠯᠴᠢᠯᠠᠯ ᠰᠡᠯᠡᠭᠦᠴᠡᠯ ᠴᠡᠩᠭᠡᠭᠦᠨ ᠪᠤᠯᠤᠨ ᠨᠠᠰᠤᠵᠢᠯ ᠥᠢᠯᠡᠴᠢᠯᠡᠭᠡ ᠵᠡᠷᠭᠡ | ᠭᠤᠷᠪᠠᠳᠤᠭᠠᠷ ᠠᠵᠤ ᠥᠢᠯᠡᠰ ᠢ ᠶᠡᠭᠡ ᠪᠠᠷ ᠭᠥᠭᠵᠢᠭᠦᠯᠥᠨ᠂ ᠪᠡᠯᠡ ᠮᠥᠩᠭᠦ ᠲᠥᠷᠥ ᠶᠢᠨ ᠪᠤᠳᠤᠯᠭ᠎ᠠ ᠵᠡᠷᠭᠡ ᠤᠯᠠᠨ | ᠲᠠᠯ᠎ᠠ ᠪᠠᠷ ᠲᠡᠮᠵᠢᠵᠤ᠂ ᠲᠠᠶᠠᠭᠠᠷ ᠤᠯᠠᠨ ᠢᠶᠠᠷ ᠢᠶᠠᠨ ᠰᠢᠨ᠎ᠡ ᠶᠢ ᠡᠭᠦᠳᠥᠨ ᠥᠢᠯᠡᠰ ᠪᠥᠳᠥᠭᠡᠭᠦ ᠰᠢᠨ᠎ᠡ ᠪᠠᠶᠢᠳᠠᠯ ᠢ | ᠪᠤᠢ ᠪᠤᠯᠭᠠᠵᠤ᠂ ᠭᠡᠷᠡᠭᠯᠡᠭᠡᠨ ᠤ ᠭᠠᠶᠢᠯᠢ ᠶᠢᠨ ᠢᠷᠡᠯᠳᠡ ᠶᠢ ᠥᠷᠭᠡᠳᠭᠡᠨ᠂ ᠡᠳ᠋ ᠤᠨ ᠵᠠᠰᠠᠭ ᠤᠨ ᠭᠥᠭᠵᠢᠯᠳᠡ ᠶᠢᠨ | ᠭᠥᠳᠡᠯᠭᠡᠭᠦ ᠭᠥᠴᠥᠨ ᠢ ᠨᠡᠮᠡᠭᠳᠡᠭᠦᠯᠥᠨ᠎ᠡ᠃ | ︵ᠬᠤᠶᠠᠷ︶ ᠤᠷᠤᠯᠭ᠎ᠠ ᠶᠢᠨ ᠲᠠᠳᠠᠪᠤᠷᠢᠯᠠᠯᠳᠠ ᠬᠠᠮᠢᠶᠠᠷᠤᠯᠳᠠ ᠶᠢ ᠴᠢᠩᠭᠠᠳᠬᠠᠨ᠂ ᠤᠷᠤᠯᠭ᠎ᠠ ᠶᠢᠨ ᠴᠢᠨᠠᠷ | ᠴᠢᠨᠰᠠᠭ᠎ᠠ ᠶᠢ ᠲᠡᠭᠡᠭᠰᠢᠯᠡᠭᠦᠯᠥᠨ᠎ᠡ᠃ ᠨᠢᠭᠡ ᠳᠤ᠂ ᠭᠤᠤᠯᠳᠠᠯᠭᠠᠳᠤ ᠭᠥᠷᠢᠶ᠎ᠡ ᠬᠡᠪᠴᠢᠶ᠎ᠡ᠂ ᠭᠤᠤᠯᠳᠠᠭᠠᠳᠤ ᠠᠵᠢᠯ | ᠲᠥᠷᠥᠯ ᠵᠡᠷᠭᠡ ᠭᠠᠶᠢᠯᠢ ᠶᠢᠨ ᠢᠷᠡᠯᠳᠡ ᠶᠢᠨ ᠭᠥᠳᠡᠯᠥᠩᠭᠦᠢ ᠵᠠᠳᠠᠯᠤᠯᠳᠠ ᠪᠤᠯᠤᠨ ᠲᠠᠯᠳᠠ ᠭᠠᠶᠢᠯᠢ ᠶᠢᠨ ᠢᠷᠡᠯᠳᠡ᠂ | ᠲᠠᠷᠬᠠᠢ ᠪᠤᠳᠠᠷᠬᠠᠢ ᠭᠠᠶᠢᠯᠢ ᠶᠢᠨ ᠢᠷᠡᠯᠳᠡ ᠶᠢᠨ ᠬᠠᠮᠢᠶᠠᠷᠤᠯᠳᠠ ᠶᠢ ᠴᠢᠩᠭᠠᠳᠬᠠᠨ᠂ ᠭᠠᠶᠢᠯᠢ ᠲᠠᠳᠠᠪᠤᠷᠢ ᠶᠢᠨ | ᠲᠤᠰᠬᠠᠢ ᠪᠠᠶᠢᠴᠠᠭᠠᠯᠳᠠ ᠪᠤᠯᠤᠨ ᠭᠠᠶᠢᠯᠢ ᠶᠢᠨ ᠶᠠᠪᠤᠳᠠᠯ ᠤᠨ ᠮᠥᠷᠳᠡᠨ ᠪᠠᠶᠢᠴᠠᠭᠠᠯᠳᠠ ᠶᠢ ᠴᠢᠩᠭᠠᠷᠠᠭᠤᠯᠤᠨ᠂ | ᠬᠠᠣᠯᠢ ᠲᠥᠷᠢᠮ ᠶᠤᠰᠤᠭᠠᠷ ᠤᠷᠤᠯᠭ᠎ᠠ ᠲᠡᠳᠡᠪᠥᠷᠢᠯᠡᠬᠤ ᠭᠥᠴᠥᠯᠡᠴᠡ ᠴᠢᠭᠯᠡᠯ ᠢ ᠡᠵᠡᠮᠳᠡᠨ᠂ ᠭᠠᠶᠢᠯᠢ ᠵᠠᠷᠤᠳᠠᠯ | ᠲᠠᠳᠠᠪᠤᠷᠢᠯᠠᠬᠤ ᠶᠢ ᠪᠥᠭᠦ ᠲᠠᠯ᠎ᠠ ᠪᠠᠷ ᠠᠳᠬᠤᠨ᠂ ᠲᠠᠳᠠᠪᠤᠷᠢᠯᠠᠪᠠᠰᠤ ᠵᠤᠬᠢᠬᠤ ᠶᠢ ᠨᠢ ᠴᠥᠮ ᠲᠠᠳᠠᠪᠤᠷᠢᠯᠠᠬᠤ ᠶᠢ | ᠪᠠᠳᠤᠯᠠᠨ᠎ᠠ᠃ ᠬᠤᠶᠠᠷ ᠲᠤ᠂ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠳᠠ ᠶᠢ ᠴᠢᠩᠭᠠᠳᠬᠠᠨ᠂ | ᠲᠠᠳᠠᠪᠤᠷᠢᠯᠠᠬᠤ ᠬᠠᠮᠢᠶᠠᠷᠬᠤ ᠪᠠᠶᠢᠴᠠᠭᠠᠬᠤ ᠶᠢ ᠴᠤᠭᠴᠠᠵᠢᠭᠤᠯᠤᠭᠰᠠᠨ ᠭᠥᠳᠡᠯᠥᠩᠭᠦᠢ ᠡᠵᠠᠮᠰᠢᠯᠳᠠ ᠶᠢᠨ ᠲᠤᠭᠳᠠᠴᠠ | ᠶᠢ ᠪᠠᠶᠢᠭᠤᠯᠤᠨ ᠲᠡᠭᠦᠯᠳᠡᠷᠵᠢᠭᠦᠯᠵᠥ᠂ ᠵᠠᠰᠠᠭ ᠤᠨ ᠤᠷᠳᠤᠨ ᠤ ᠡᠬᠢ ᠰᠤᠷᠪᠤᠯᠵᠢ ᠶᠢᠨ ᠴᠢᠨᠠᠷᠳᠠᠢ ᠠᠰᠢᠭ ᠤᠷᠤᠯᠭ᠎ᠠ | ᠶᠢᠨ ᠲᠥᠷᠢᠮᠵᠢᠯᠳᠤ ᠡᠷᠬᠢᠯᠳᠡ ᠶᠢᠨ ᠲᠥᠪᠰᠢᠨ ᠶᠢ ᠲᠡᠭᠡᠭᠰᠢᠯᠡᠭᠦᠯᠥᠨ᠂ ᠰᠠᠯᠠᠭ᠎ᠠ ᠮᠥᠴᠢᠷ ᠤᠨ ᠲᠥᠰᠥᠪ ᠪᠤᠯᠤᠨ | ᠤᠯᠤᠰ ᠤᠨ ᠭᠥᠮᠥᠷᠭᠡ ᠠᠴᠠ ᠤᠯᠭᠤᠬᠤ ᠲᠥᠷᠢᠮ ᠶᠢᠨ ᠥᠭᠡᠷᠡᠴᠢᠯᠡᠯᠳᠡ ᠲᠠᠢ ᠤᠶᠠᠯᠳᠤᠭᠤᠯᠤᠨ ᠭᠠᠶᠢᠯᠢ ᠶᠢᠨ ᠪᠤᠰᠤ | ᠤᠷᠤᠯᠭ᠎ᠠ ᠶᠢᠨ ᠬᠠᠮᠢᠶᠠᠷᠤᠯᠳᠠ ᠶᠢ ᠲᠥᠷᠢᠮᠵᠢᠭᠦᠯᠥᠨᠡ᠃ ᠭᠤᠷᠪᠠ ᠳᠤ᠂ ᠭᠠᠳᠠᠨᠠᠬᠢ ᠶᠢᠨ ᠠᠵᠤ ᠠᠬᠤᠶᠢᠯᠠᠯ ᠤᠨ | ᠬᠠᠷᠢᠶ᠎ᠠ ᠤᠷᠤᠨ ᠤ ᠲᠠᠩᠰᠠᠯᠠᠯᠳᠠ᠂ ᠭᠠᠵᠠᠷ ᠰᠢᠷᠥᠢ ᠶᠢ ᠰᠢᠯᠵᠢᠭᠦᠯᠭᠦ᠂ ᠴᠢᠯᠠᠭᠤᠨ ᠲᠤᠰᠤ ᠰᠢᠳᠠᠮᠠᠬᠠᠢ ᠭᠡᠢ ᠶᠢᠨ | ᠠᠵᠤ ᠠᠬᠤᠶᠢᠯᠠᠯ ᠤᠳ ᠤᠨ ᠥᠭᠴᠡᠭᠡ ᠪᠤᠯᠤᠨ ᠰᠤᠯᠠ ᠪᠠᠶᠢᠬᠤ ᠤᠯᠤᠰ ᠤᠨ ᠥᠮᠴᠢᠯᠡᠯᠳᠤ ᠡᠳ᠋ ᠭᠥᠷᠥᠩᠭᠡ ᠶᠢ | ᠠᠮᠢᠳᠤᠯᠢᠭᠵᠢᠭᠤᠯᠬᠤ ᠵᠡᠷᠭᠡ ᠭᠥᠷᠢᠶ᠎ᠡ ᠬᠡᠪᠴᠢᠶᠡᠨ ᠳᠤ ᠬᠢ ᠲᠠᠯᠳᠠ ᠭᠥᠴᠥᠨ ᠢ ᠠᠭᠤᠳᠠᠯᠠᠨ ᠤᠷᠤᠯᠭ᠎ᠠ ᠪᠠᠨ | ᠨᠡᠮᠡᠭᠳᠡᠭᠦᠯᠭᠦ ᠡᠷᠴᠢᠮ ᠢ ᠴᠢᠩᠭᠠᠳᠬᠠᠨ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢᠨ | ᠲᠤᠭᠳᠠᠭᠤᠨ ᠨᠡᠮᠡᠭᠳᠡᠯ ᠢ ᠪᠡᠶᠡᠯᠡᠭᠦᠯᠥᠨ᠎ᠡ᠃ | ︵ᠭᠤᠷᠪᠠ︶ ᠵᠠᠷᠤᠯᠭ᠎ᠠ ᠶᠢᠨ ᠪᠥᠳᠥᠴᠡ ᠶᠢ. ᠰᠢᠯᠢᠳᠡᠭᠵᠢᠭᠦᠯᠥᠨ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠨ᠎ᠠ᠃ ᠵᠠᠰᠠᠭ ᠤᠨ ᠤᠷᠳᠤᠨ ᠤ ᠪᠡᠯᠡ ᠤᠷᠤᠭᠤᠯᠤᠯᠳᠠ ︵ᠬᠤᠳᠠᠯᠳᠤᠨ ᠠᠪᠬᠤ︶ ᠶᠢᠨ ᠲᠥᠷᠥᠯ | ᠵᠥᠢᠯ ᠤᠨ ᠲᠠᠭᠠᠭᠠᠴᠢᠯᠠᠯᠳᠠ ᠵᠠᠷᠯᠠᠨ ᠲᠠᠭᠠᠭᠠᠴᠢᠯᠠᠯᠳᠠ ᠭᠥᠯᠢᠶᠡᠭᠦ ᠬᠢᠵᠠᠭᠠᠷᠯᠠᠯ ᠥᠨ᠎ᠡ ᠶᠢᠨ ᠬᠢᠨᠠᠨ ᠰᠢᠯᠭᠠᠯᠳᠠ ᠶᠢᠨ | ᠲᠥᠷᠢᠮ ᠢ ᠴᠢᠩᠭ᠎ᠠ ᠭᠡᠷᠡᠭᠵᠢᠭᠦᠯᠵᠤ᠂ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠢᠯ ᠥᠢᠯᠡᠰ ᠤᠨ ᠨᠢᠭᠡᠴᠡ ᠶᠢᠨ | ᠵᠠᠷᠤᠯᠭ᠎ᠠ ᠠᠷᠪᠢᠯᠠᠬᠤ ᠲᠠᠯᠳᠠ ᠭᠥᠴᠥᠨ ᠢ ᠶᠡᠭᠡᠪᠡᠷ ᠠᠭᠤᠳᠠᠯᠠᠨ᠎ᠠ︔ ᠵᠠᠰᠠᠭ ᠵᠠᠬᠢᠷᠭᠠᠨ ᠤ ᠥᠪᠡᠷ ᠤᠨ ᠥᠷᠳᠡᠭ ᠤᠨ | ᠨᠡᠮᠡᠭᠳᠡᠯ ᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠬᠠᠩᠭᠠᠯᠠᠭ᠎ᠠ ᠶᠢᠨ ᠬᠡᠪᠴᠢᠶ᠎ᠡ ᠶᠢ ᠤᠯᠠᠮ | ᠲᠥᠷᠢᠮᠵᠢᠭᠦᠯᠵᠥ᠂ ︽ᠭᠤᠷᠪᠠᠨ ᠠᠯᠪᠠᠨ ᠤ ᠵᠠᠷᠤᠳᠠᠯ︾ ᠪᠠ ᠵᠠᠰᠠᠭ ᠵᠠᠬᠢᠷᠭᠠᠨ ᠤ ᠴᠢᠬᠤᠯᠠ ᠪᠤᠰᠤ ᠵᠠᠷᠤᠯᠭ᠎ᠠ ᠶᠢ | ᠪᠠᠭᠠᠰᠬᠠᠨ᠎ᠠ᠃ ᠡᠯ᠎ᠡ ᠲᠥᠷᠥᠯ ᠤᠨ ᠥᠯᠡᠳᠡᠪᠥᠷᠢ᠂ ᠳ᠋ᠥᠩᠨᠡᠨ ᠰᠢᠯᠵᠢᠭᠦᠯᠥᠭᠰᠡᠨ ᠪᠡᠯᠡ ᠮᠥᠩᠭᠦ ᠶᠢ ᠴᠠᠭ ᠲᠤᠬᠠᠢ ᠳᠤ | ᠨᠢ ᠶᠡᠷᠥᠩᠭᠡᠢ ᠲᠥᠰᠥᠪ ᠲᠤ ᠪᠤᠴᠠᠭᠠᠵᠤ᠂ ᠡᠯ᠎ᠡ ᠭᠥᠷᠢᠶ᠎ᠡ ᠬᠡᠪᠴᠢᠶᠡᠨ ᠳᠤ ᠬᠢ ᠰᠤᠯᠠ ᠤᠷᠬᠢᠭᠳᠠᠭᠰᠠᠨ ᠪᠡᠯᠡ | ᠮᠥᠩᠭᠦ ᠶᠢ ᠠᠮᠢᠳᠤᠯᠢᠭᠵᠢᠭᠤᠯᠬᠤ ᠪᠠᠷ ᠲᠠᠮᠵᠢᠭᠤᠯᠤᠨ᠂ ᠪᠡᠯᠡ ᠮᠥᠩᠭᠦ ᠶᠢ ᠪᠤᠳᠠᠷᠠᠭᠤᠯᠬᠤ ᠠᠴᠠ ᠵᠠᠶᠢᠯᠠᠰᠬᠢᠨ | ᠲᠥᠪᠯᠡᠷᠡᠭᠦᠯᠥᠨ ᠠᠰᠢᠭᠯᠠᠵᠤ᠂ ᠭᠥᠭᠵᠢᠯᠳᠡ ᠶᠢᠨ ᠪᠠᠴᠢᠮ ᠭᠡᠷᠡᠭᠴᠡᠭᠡᠨ ᠤ ᠭᠤᠤᠯᠳᠠᠯᠭᠠᠳᠤ ᠭᠥᠷᠢᠶ᠎ᠡ ᠬᠡᠪᠴᠢᠶ᠎ᠡ | ᠬᠢᠭᠡᠳ ᠰᠤᠷᠭᠠᠨ ᠭᠥᠮᠥᠵᠢᠯ᠂ ᠰᠤᠶᠤᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠳᠤᠯᠠᠭ᠎ᠠ᠂ ᠬᠤᠰᠢᠭᠤ | ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠤᠭᠳᠠᠭᠠᠭᠰᠠᠨ ᠠᠷᠠᠳ ᠢ ᠬᠠᠷᠠᠭᠠᠯᠵᠠᠬᠤ ᠪᠤᠳᠠᠳᠤ ᠤᠴᠢᠷ ᠪᠤᠯᠤᠨ | ᠠᠷᠠᠳ ᠤᠨ ᠠᠮᠢᠳᠤᠷᠠᠯ ᠤᠨ ᠬᠥᠷᠢᠶ᠎ᠡ ᠬᠡᠪᠴᠢᠶᠠᠨ ᠳᠤ ᠬᠢ ᠲᠤᠰᠬᠠᠢ ᠲᠥᠷᠥᠯ ᠤᠨ ᠪᠡᠯᠡ ᠤᠯᠭᠤᠯᠳᠠ ᠵᠡᠷᠭᠡ | ᠵᠠᠷᠤᠯᠭ᠎ᠠ ᠳᠤ ᠨᠢᠭᠡᠳᠥᠯᠳᠡᠢ ᠵᠠᠷᠤᠴᠠᠭᠤᠯᠤᠨ᠎ᠠ᠃ | ︵ᠲᠥᠷᠪᠡ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ | ᠡᠳ᠋ ᠤᠨ ᠵᠠᠰᠠᠭ ᠤᠨ ᠲᠤᠭᠳᠠᠴᠠ ᠶᠢ ᠲᠡᠭᠦᠯᠳᠡᠷᠵᠢᠭᠦᠯᠥᠨ᠎ᠡ᠃ ᠨᠢᠭᠡ ᠳᠤ᠂ ᠲᠥᠰᠥᠪ ᠤᠨ ᠰᠢᠰᠲ᠋ᠧᠮ ᠢ | ᠲᠡᠭᠦᠯᠳᠡᠷᠵᠢᠭᠦᠯᠥᠨ᠎ᠡ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ ᠬᠢᠭᠡᠳ ᠡᠩ ᠤᠨ | ᠨᠡᠶᠢᠳᠡ ᠶᠢᠨ ᠲᠥᠰᠥᠪ ᠢ ᠨᠢᠭᠡᠳᠥᠯᠳᠡᠢ ᠲᠥᠯᠥᠪᠵᠢᠭᠦᠯᠭᠦ ᠪᠠᠨ ᠴᠢᠩᠭᠠᠳᠬᠠᠵᠤ᠂ ᠪᠠᠶᠢᠷᠢ ᠲᠤᠭᠳᠠᠭᠠᠯᠳᠠ ᠲᠤᠳᠤᠷᠬᠠᠢ | ᠂ ᠠᠵᠢᠯ ᠤᠨ ᠬᠤᠪᠢᠶᠠᠷᠢ ᠲᠤᠳᠤ ᠵᠠᠰᠠᠭ ᠤᠨ ᠤᠷᠳᠤᠨ ᠤ ᠲᠥᠰᠥᠪ ᠤᠨ ᠰᠢᠰᠲ᠋ᠧᠮ ᠢ ᠪᠠᠶᠢᠭᠤᠯᠵᠤ᠂ ᠵᠠᠰᠠᠭ ᠤᠨ | ᠤᠷᠳᠤᠨ ᠤ ᠤᠷᠤᠯᠭ᠎ᠠ ᠪᠤᠯᠤᠨ ᠵᠠᠷᠤᠯᠭ᠎ᠠ ᠶᠢ ᠪᠥᠭᠦᠨ ᠢ ᠲᠥᠰᠥᠪ ᠤᠨ ᠬᠠᠮᠢᠶᠠᠷᠤᠯᠳᠠ ᠳᠤ ᠤᠷᠤᠭᠤᠯᠤᠨ᠂ | ᠲᠥᠰᠥᠪ ᠢ ᠨᠢᠭᠡᠳᠥᠯᠳᠡᠢ ᠲᠤᠭᠳᠠᠭᠠᠵᠤ᠂ ᠤᠷᠤᠯᠭ᠎ᠠ ᠶᠢ ᠪᠠᠳᠤᠳᠠᠢ ᠬᠠᠮᠢᠶᠠᠷᠴᠤ᠂ ᠵᠠᠷᠤᠯᠭ᠎ᠠ ᠶᠢ ᠴᠢᠩᠭ᠎ᠠ | ᠬᠢᠵᠠᠭᠠᠷᠯᠠᠨ᠂ ᠨᠢᠭᠡᠳᠥᠯᠳᠡᠢ ᠵᠤᠬᠢᠴᠠᠩᠭᠤᠢ ᠬᠠᠷᠢᠯᠴᠠᠨ ᠨᠥᠭᠦᠪᠥᠷᠢᠯᠡᠭᠰᠡᠨ ᠪᠥᠷᠢᠨ ᠪᠥᠳᠥᠨ ᠲᠥᠰᠥᠪ ᠤᠨ | ᠰᠢᠰᠲ᠋ᠧᠮ ᠢ ᠪᠥᠷᠢᠳᠥᠭᠦᠯᠥᠨᠡ᠃ ᠬᠤᠶᠠᠷ ᠲᠤ᠂ PPP ᠵᠠᠭᠪᠤᠷ ᠢ ᠶᠡᠬᠡᠪᠡᠷ ᠲᠥᠭᠡᠮᠡᠯᠵᠢᠭᠦᠯᠥᠨ᠂ ᠨᠡᠶᠢᠭᠡᠮ ᠤᠨ | ᠭᠥᠷᠥᠩᠭᠡ ᠶᠢ ᠵᠢᠯᠤᠭᠤᠳᠤᠨ ᠵᠠᠰᠠᠭ ᠤᠨ ᠤᠷᠳᠤᠨ ᠤ ᠲᠥᠷᠥᠯ ᠵᠥᠢᠯ ᠳᠤ ᠢᠳᠡᠪᠬᠢᠳᠡᠢ ᠤᠷᠤᠯᠴᠠᠭᠤᠯᠵᠤ᠂ ᠵᠠᠬ᠎ᠠ | ᠲᠡᠯᠭᠡᠭᠦᠷᠴᠢᠯᠡᠭᠰᠡᠨ ᠤᠷᠤᠭᠤᠯᠤᠯᠳᠠ ᠭᠠᠷᠤᠯᠳᠠ ᠶᠢᠨ ᠤᠬᠢ ᠡᠷᠬᠢᠯᠳᠡ ᠶᠢ ᠪᠥᠷᠢᠯᠳᠥᠭᠦᠯᠥᠨ᠎ᠡ᠃ ᠥᠪᠡᠷᠳᠡᠭᠡᠨ | ᠵᠠᠰᠠᠬᠤ ᠤᠷᠤᠨ ᠪᠤᠯᠤᠨ ᠬᠤᠳᠠ ᠶᠢᠨ ᠲᠡᠰ ᠤᠨ ᠤᠳᠤ ᠪᠠᠶᠢᠭ᠎ᠠPPP ᠲᠠᠭᠤᠷᠢᠶᠠᠯ ᠲᠥᠷᠥᠯ ᠵᠥᠢᠯ ᠢ ᠴᠢᠷᠮᠠᠶᠢᠨ | ᠬᠡᠷᠡᠭᠵᠢᠭᠦᠯᠥᠭᠰᠡᠨ ᠰᠠᠭᠤᠷᠢᠨ ᠲᠡᠭᠡᠷ᠎ᠡ ᠮᠠᠨ ᠤ ᠬᠤᠰᠢᠭᠤᠨ ᠤ ᠭᠤᠤᠯᠳᠠᠯᠭᠠᠳᠤ ᠲᠥᠷᠥᠯ ᠵᠥᠢᠯ ᠢ ᠢᠳᠡᠪᠬᠢᠳᠡᠢ | ᠵᠢᠯᠤᠭᠤᠳᠤᠨ PPP ᠵᠠᠭᠪᠤᠷ ᠶᠤᠰᠤᠭᠠᠷ ᠭᠡᠷᠡᠭᠵᠢᠭᠦᠯᠥᠨ᠂ ᠠᠷᠠᠯᠵᠢᠶᠠᠴᠢᠨ ᠤᠷᠢᠵᠤ ᠪᠡᠯᠡ ᠲᠠᠳᠠᠬᠤ᠂ ᠲᠥᠷᠥ ᠶᠢᠨ | ᠪᠤᠳᠤᠯᠭ᠎ᠠ ᠪᠠᠷ ᠲᠡᠳᠭᠦᠭᠦ ᠵᠡᠷᠭᠡ ᠠᠷᠭ᠎ᠠ ᠠᠪᠴᠠᠯ ᠢᠶᠠᠷ ᠲᠠᠮᠵᠢᠭᠤᠯᠤᠨ᠂ PPP ᠲᠥᠷᠥᠯ ᠵᠥᠢᠯ ᠤᠨ | ᠤᠷᠤᠨᠵᠢᠯᠳᠠ ᠶᠢ ᠲᠥᠷᠭᠡᠳᠭᠡᠨ᠎ᠡ᠃ ᠭᠤᠷᠪᠠ ᠳᠤ᠂ ᠠᠵᠤ ᠠᠬᠤᠶᠢᠯᠠᠯ ᠢ ᠨᠢᠭᠡᠳᠭᠡᠨ ᠲᠠᠬᠢᠨ ᠪᠠᠶᠢᠭᠤᠯᠬᠤ᠂ | ᠭᠥᠷᠥᠩᠭᠡ ᠮᠥᠩᠭᠦ ᠤᠷᠤᠭᠤᠯᠬᠤ᠂ ᠲᠤᠭᠳᠠᠪᠤᠷᠢᠳᠠᠢ ᠠᠰᠢᠭ ᠤᠷᠤᠯᠭ᠎ᠠ ᠲᠠᠢ ᠤᠯᠤᠰ ᠤᠨ ᠥᠮᠴᠢᠯᠡᠯᠳᠤ ᠭᠥᠷᠥᠩᠭᠡ | ᠬᠤᠭᠰᠢᠯ ᠢ ᠨᠡᠮᠡᠭᠳᠡᠭᠦᠯᠭᠦ᠂ ᠲᠠᠪᠴᠠᠩᠳᠤ ᠺᠤᠮᠫᠠᠨᠢ ᠶᠢᠨ ᠤᠤᠯ ᠤᠨ ᠴᠢᠨᠠᠷᠯᠢᠭ ᠬᠤᠪᠢ ᠰᠲ᠋ᠤᠺ ᠪᠤᠯᠤᠨ ᠭᠥᠷᠥᠩᠭᠡ | ᠬᠤᠭᠰᠢᠯ ᠢ ᠠᠮᠢᠳᠤᠯᠢᠭᠵᠢᠭᠤᠯᠵᠤ ᠲᠥᠷᠢᠮᠵᠢᠭᠦᠯᠭᠦ ᠵᠡᠷᠭᠡ ᠵᠠᠮ ᠮᠥᠷ ᠢᠶᠠᠷ ᠲᠠᠮᠵᠢᠭᠤᠯᠤᠨ᠂ ᠠᠰᠢᠭ ᠤᠷᠤᠯᠭ᠎ᠠ | ᠡᠭᠦᠳᠭᠦ ᠴᠢᠳᠠᠪᠤᠷᠢ ᠶᠢ ᠨᠢ ᠨᠡᠮᠡᠭᠳᠡᠭᠦᠯᠥᠨ᠂ ᠪᠡᠯᠡ ᠬᠤᠷᠠᠮᠳᠤᠭᠤᠯᠬᠤ ᠺᠤᠮᠫᠠᠨᠢ ᠪᠤᠯᠤᠨ ᠵᠠᠰᠠᠭ ᠤᠨ ᠤᠷᠳᠤᠨ ᠤ | ᠪᠡᠯᠡ ᠬᠤᠷᠠᠮᠳᠤᠭᠤᠯᠬᠤ ᠴᠢᠳᠠᠪᠬᠢ ᠶᠢᠨ ᠰᠠᠯᠭᠠᠯᠳᠠ ᠶᠢ ᠲᠥᠷᠭᠡᠳᠭᠡᠵᠥ᠂ ᠵᠠᠬ᠎ᠠ ᠲᠡᠯᠭᠡᠭᠦᠷᠴᠢᠯᠡᠭᠰᠡᠨ᠂ ᠪᠤᠳᠠᠳᠤ | ᠴᠤᠭᠴᠠᠵᠢᠭᠰᠠᠨ ᠡᠵᠡᠩᠨᠡᠯᠳᠡ ᠲᠡᠰᠢ ᠬᠤᠪᠢᠷᠠᠭᠤᠯᠤᠨ᠎ᠠ᠃ ᠲᠥᠷᠪᠡ ᠳᠤ᠂ ︽ᠤᠳᠤᠭ ᠤᠨ ᠡᠮᠥᠨᠡᠳᠥ ᠬᠤᠰᠢᠭᠤᠨ ᠤ | ᠵᠠᠰᠠᠭ ᠤᠨ ᠤᠷᠳᠤᠨ ᠨᠡᠶᠢᠭᠡᠮ ᠠᠴᠠ ᠥᠢᠯᠡᠴᠢᠯᠡᠭᠡ ᠬᠤᠳᠠᠯᠳᠤᠨ ᠠᠪᠬᠤ ᠭᠡᠷᠡᠭᠵᠢᠭᠦᠯᠭᠦ ᠲᠥᠰᠥᠯ︾ ᠶᠤᠰᠤᠭᠠᠷ | ᠢᠳᠡᠪᠬᠢᠳᠡᠢ ᠪᠠᠷ ᠨᠡᠶᠢᠭᠡᠮ ᠨᠡᠶᠢᠳᠡ ᠠᠴᠠ ᠠᠳᠠᠯ ᠠᠬᠤᠢ᠂ ᠬᠤᠳᠠ ᠶᠢᠨ ᠨᠡᠶᠢᠳᠡ ᠶᠢᠨ ᠮᠠᠰᠢᠨ᠂ ᠪᠤᠬᠢᠷ ᠤᠰᠤ | ᠰᠢᠢᠳᠪᠥᠷᠢᠯᠡᠭᠦ ᠵᠡᠷᠭᠡ ᠥᠯᠡᠴᠢᠯᠡᠭᠡ ᠬᠤᠳᠠᠯᠳᠤᠨ ᠠᠪᠴᠤ᠂ ᠡᠳ᠋ ᠤᠨ ᠵᠠᠰᠠᠭ ᠤᠨ ᠵᠠᠷᠤᠯᠭ᠎ᠠ ᠶᠢᠨ ᠲᠠᠷᠤᠭᠠᠰᠤ ᠶᠢ | ᠭᠥᠩᠭᠡᠷᠡᠭᠦᠯᠭᠦ ᠶᠢᠨ ᠬᠠᠮᠳᠤ ᠠᠵᠤ ᠠᠬᠤᠢ ᠨᠡᠶᠢᠭᠡᠮ ᠤᠨ ᠠᠮᠢᠳᠤᠯᠢᠭ ᠭᠥᠴᠥᠨ ᠢ ᠭᠥᠭᠵᠢᠭᠡᠨ᠂ ᠨᠡᠶᠢᠳᠡ ᠶᠢᠨ | ᠥᠢᠯᠡᠴᠢᠯᠡᠭᠡᠨ ᠤ ᠬᠠᠩᠭᠠᠯᠠᠭ᠎ᠠ ᠶᠢ ᠴᠢᠩᠭᠠᠳᠬᠠᠵᠤ᠂ ᠨᠡᠶᠢᠳᠡ ᠶᠢᠨ ᠥᠢᠯᠡᠴᠢᠯᠡᠭᠡᠨ ᠤ ᠬᠢᠷᠢ ᠲᠥᠪᠰᠢᠨ ᠪᠤᠯᠤᠨ | ᠥᠷ᠎ᠡ ᠠᠰᠢᠭ ᠢ ᠲᠡᠭᠡᠭᠰᠢᠯᠡᠭᠦᠯᠥᠨ᠎ᠡ᠃ ᠲᠠᠪᠤ ᠳᠤ᠂ ᠮᠠᠯ ᠲᠠᠷᠢᠶᠠᠯᠠᠩ ᠤᠨ ᠤᠨᠴᠠᠯᠢᠭᠳᠤ ᠠᠵᠤ ᠥᠢᠯᠡᠰ ᠤᠨ | ᠭᠥᠭᠵᠢᠯᠳᠡ ᠶᠢᠨ ᠰᠠᠭᠤᠷᠢ ᠮᠥᠩᠭᠦ ᠪᠠᠶᠢᠭᠤᠯᠤᠨ᠂ ᠭᠥᠥ ᠮᠥᠩᠭᠦ ᠥᠭᠡᠢ ᠵᠢᠭᠡᠯᠡᠯᠭᠡ᠂ ᠠᠵᠤ ᠠᠬᠤᠶᠢᠯᠠᠯ ᠤᠨ | ᠪᠠᠳᠤᠯᠠᠨ ᠲᠠᠭᠠᠭᠠᠯᠳᠠ ᠶᠢ ᠥᠷᠭᠡᠳᠭᠡᠭᠦ ᠵᠡᠷᠭᠡ ᠭᠡᠯᠪᠡᠷᠢ ᠪᠠᠷ ᠮᠥᠩᠭᠦᠨ ᠭᠥᠢᠯᠭᠡᠭᠡᠨ ᠤ ᠪᠠᠶᠢᠭᠤᠯᠤᠮᠵᠢ ᠶᠢ | ᠵᠤᠷᠢᠭᠵᠢᠭᠤᠯᠤᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠳᠤ ᠮᠥᠩᠭᠦᠨ ᠭᠥᠢᠯᠭᠡᠭᠡᠨ ᠤ ᠲᠡᠮᠵᠢᠯᠭᠡ | ᠤᠯᠭᠤᠨ᠎ᠠ᠃ ᠵᠢᠷᠭᠤᠭ᠎ᠠ ᠳᠤ᠂ ᠪᠠᠳᠤᠯᠠᠨ ᠲᠠᠭᠠᠭᠠᠯᠳᠠ ᠶᠢᠨ ᠺᠤᠮᠫᠠᠨᠢ ᠯᠤᠭ᠎ᠠ ᠶᠢᠨ ᠬᠠᠮᠳᠤᠷᠠᠯᠴᠠᠭ᠎ᠠ ᠪᠠᠨ | ᠴᠢᠩᠭᠠᠳᠬᠠᠵᠤ᠂ ᠮᠠᠨ ᠤ ᠬᠤᠰᠢᠭᠤᠨ ᠤ ᠲᠤᠯᠤᠭᠠᠶᠢᠯᠠᠭᠴᠢ ᠠᠵᠤ ᠠᠬᠤᠶᠢᠯᠠᠯ᠂ ᠬᠠᠮᠳᠤᠷᠠᠯ ᠵᠤᠬᠢᠶᠠᠨ | ᠪᠠᠶᠢᠭᠤᠯᠤᠯᠳᠠ᠂ ᠮᠠᠯ ᠲᠠᠷᠢᠶᠠᠯᠠᠩ ᠤᠨ ᠲᠠᠭᠤᠷᠢᠶᠠᠯ ᠡᠷᠥᠭᠡ᠂ ᠮᠠᠯᠴᠢᠨ ᠲᠠᠷᠢᠶᠠᠴᠢᠳ ᠤᠨ ᠥᠢᠯᠡᠳᠪᠥᠷᠢᠯᠡᠯ ᠢᠶᠠᠨ | ᠭᠥᠭᠵᠢᠭᠦᠯᠭᠦ ᠵᠢᠭᠡᠯᠡᠯᠭᠡ ᠳᠤ ᠪᠥᠭᠦ ᠲᠠᠯ᠎ᠠ ᠶᠢᠨ ᠪᠠᠳᠤᠯᠠᠨ ᠲᠠᠭᠠᠭᠠᠯᠳᠠ ᠬᠢᠭᠦ ᠪᠠᠷ ᠴᠢᠷᠮᠠᠶᠢᠨ᠎ᠠ᠃ ᠨᠠᠩ ᠤᠯᠠᠨ | ᠪᠠᠩᠬᠢ ᠶᠢ ᠤᠷᠤᠭᠤᠯᠵᠤ᠂ ᠮᠥᠩᠭᠦᠨ ᠭᠥᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠳᠤᠷᠠᠯᠴᠠᠭ᠎ᠠ ᠪᠠᠨ ᠥᠷᠭᠡᠳᠭᠡᠨ | ᠂ ᠮᠠᠯᠵᠢᠬᠤ ᠲᠠᠷᠢᠶᠠᠯᠠᠬᠤ ᠤᠷᠤᠨ ᠤ ᠮᠥᠩᠭᠦᠨ ᠭᠥᠢᠯᠭᠡᠭᠡᠨ ᠤ ᠥᠢᠯᠡᠴᠢᠯᠡᠭᠡᠨ ᠤ ᠭᠥᠷᠢᠶ᠎ᠡ ᠬᠡᠪᠴᠢᠶ᠎ᠡ ᠶᠢ | ᠥᠷᠭᠡᠳᠭᠡᠵᠥ᠂ ᠮᠥᠩᠭᠦᠨ ᠭᠥᠢᠯᠭᠡᠭᠡᠨ ᠤ ᠠᠵᠢᠯ ᠲᠥᠷᠥᠯ ᠤᠨ ᠮᠠᠯᠵᠢᠬᠤ ᠲᠠᠷᠢᠶᠠᠯᠠᠬᠤ ᠤᠷᠤᠨ ᠤ ᠠᠵᠢᠯ ᠥᠢᠯᠡᠰ | ᠤᠨ ᠭᠥᠭᠵᠢᠯᠳᠡ ᠪᠤᠯᠤᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠢ ᠲᠡᠮᠵᠢᠭᠦ | ᠬᠡᠪᠴᠢᠶ᠎ᠡ ᠶᠢ ᠥᠷᠭᠡᠳᠭᠡᠨ᠎ᠡ᠃ | ︵ᠲᠠᠪᠤ︶ ᠡᠳ᠋ ᠤᠨ ᠵᠠᠰᠠᠭ ᠤᠨ ᠬᠢᠨᠠᠯᠳᠠ ᠪᠠᠨ ᠴᠢᠩᠭᠠᠳᠬᠠᠨ᠂ ᠤᠷᠤᠯᠭ᠎ᠠ ᠵᠠᠷᠤᠯᠭ᠎ᠠ ᠶᠢᠨ ᠲᠥᠷᠢᠮᠵᠢᠯ ᠢ | ᠪᠠᠳᠤᠯᠠᠨ᠎ᠠ᠃ ᠨᠢᠭᠡ ᠳᠤ᠂ ᠥᠷᠢ ᠥᠭᠴᠡᠭᠡᠨ ᠤ ᠲᠤᠭ᠎ᠠ ᠭᠡᠮᠵᠢᠶᠡᠨ ᠤ ᠬᠢᠵᠠᠭᠠᠷᠯᠠᠯ ᠤᠨ ᠬᠠᠮᠢᠶᠠᠷᠤᠯᠳᠠ ᠶᠢᠨ | ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠨᠡᠮᠡᠭᠳᠡᠭᠦ ᠥᠷᠢ ᠥᠭᠴᠡᠭᠡ ᠶᠢᠨ ᠬᠢᠨᠠᠨ ᠵᠥᠪᠰᠢᠶᠡᠷᠡᠯ ᠢ | ᠴᠢᠩᠭᠠᠳᠬᠠᠵᠤ᠂ ᠥᠷᠢ ᠥᠭᠴᠡᠭᠡᠨ ᠤ ᠨᠡᠮᠡᠭᠳᠡᠯ ᠢ ᠡᠷᠡᠰ ᠬᠢᠵᠠᠭᠠᠷᠯᠠᠨ᠎ᠠ᠃ ᠤᠯᠠᠨ ᠵᠠᠮ ᠮᠥᠷ ᠤᠯᠠᠨ ᠠᠷᠭ᠎ᠠ | ᠬᠡᠯᠪᠡᠷᠢ ᠪᠠᠷ ᠥᠷᠢ ᠥᠭᠴᠡᠭᠡ ᠰᠢᠢᠳᠪᠥᠷᠢᠯᠡᠭᠦ ᠪᠡᠯᠡ ᠮᠥᠩᠭᠦ ᠬᠤᠷᠠᠮᠳᠤᠭᠤᠯᠵᠤ᠂ ᠬᠠᠳᠠᠭᠠᠯᠠᠯᠳᠠ ᠭᠥᠷᠥᠩᠭᠡ | ᠬᠤᠭᠰᠢᠯ᠂ ᠡᠳ᠋ ᠤᠨ ᠵᠠᠰᠠᠭ ᠤᠨ ᠲᠥᠰᠥᠪ ᠤᠨ ᠲᠤᠬᠢᠷᠠᠭᠤᠯᠭ᠎ᠠ᠂ ᠤᠷᠤᠨ ᠨᠤᠳᠤᠭ ᠤᠨ ᠵᠠᠰᠠᠭ ᠤᠨ ᠤᠷᠳᠤᠨ ᠤ | ᠵᠢᠭᠡᠯᠡᠯᠭᠡ ᠶᠢᠨ ᠲᠡᠮᠳᠡᠭ ᠢ ᠢᠳᠡᠪᠬᠢᠳᠡᠢ ᠤᠯᠬᠤ᠂ ᠬᠠᠳᠠᠭᠠᠯᠠᠯᠳᠠ ᠥᠷᠢ ᠥᠭᠴᠡᠭᠡ ᠶᠢ PPP ᠪᠤᠯᠭᠠᠨ | ᠬᠤᠪᠢᠷᠠᠭᠤᠯᠬᠤ ᠵᠡᠷᠭᠡ ᠠᠷᠭ᠎ᠠ ᠠᠪᠴᠠᠯ ᠢᠶᠠᠷ ᠲᠡᠮᠵᠢᠭᠤᠯᠤᠨ᠂ ᠵᠠᠰᠠᠭ ᠤᠨ ᠤᠷᠳᠤᠨ ᠤ ᠴᠢᠨᠠᠷᠳᠠᠢ ᠥᠷᠢ ᠥᠭᠴᠡᠭᠡ | ᠶᠢ ᠪᠥᠳᠥᠮᠵᠢᠳᠡᠢ ᠰᠢᠢᠳᠪᠥᠷᠢᠯᠡᠨ᠎ᠡ᠃ ᠵᠠᠰᠠᠭ ᠤᠨ ᠤᠷᠳᠤᠨ ᠤ ᠡᠳ᠋ ᠤᠨ ᠵᠠᠰᠠᠭ ᠮᠥᠩᠭᠦᠨ ᠭᠥᠢᠯᠭᠡᠭᠡᠨ ᠤ | ᠲᠥᠭᠰᠢᠭᠦᠷᠢ ᠶᠢ ᠰᠡᠷᠭᠡᠶᠢᠯᠡᠭᠦ ᠰᠠᠭᠤᠷᠢ ᠮᠥᠩᠭᠦ ᠪᠠᠶᠢᠭᠤᠯᠤᠨ᠂ ᠮᠥᠩᠭᠦᠨ ᠭᠥᠢᠯᠭᠡᠭᠡᠨ ᠤ ᠪᠠᠶᠢᠭᠤᠯᠤᠮᠵᠢ ᠲᠠᠢ | ᠬᠠᠮᠳᠤᠷᠠᠯᠴᠠᠨ ᠪᠡᠯᠡ ᠮᠥᠩᠭᠦᠨ ᠤ ᠭᠥᠮᠥᠷᠭᠡᠯᠡᠯ ᠢ ᠥᠷᠭᠡᠳᠭᠡᠨ᠂ ᠬᠤᠭᠤᠴᠠᠭ᠎ᠠ ᠲᠤᠯᠤᠭᠰᠠᠨᠢᠯᠭᠠᠷᠠᠭᠤᠯᠵᠤ | ᠲᠡᠶᠢᠯᠭᠦ ᠥᠭᠡᠢ ᠥᠷᠢ ᠥᠭᠴᠡᠭᠡ ᠶᠢ ᠪᠠᠴᠢᠮ ᠠᠷᠭᠠᠴᠠᠨ ᠰᠢᠢᠳᠪᠥᠷᠢᠯᠡᠭᠦ ᠪᠠ ᠬᠡᠨᠡᠳᠳᠡ ᠶᠢᠨ ᠭᠡᠷᠡᠭ ᠢ ᠠᠷᠠᠭᠠᠴᠠᠬᠤ | ᠳᠤ ᠭᠤᠤᠯᠳᠠᠯᠭ᠎ᠠ ᠲᠠᠢ ᠵᠠᠷᠤᠴᠠᠭᠤᠯᠤᠨ᠂ ᠡᠳ᠋ ᠤᠨ ᠵᠠᠰᠠᠭ ᠮᠥᠩᠭᠦᠨ ᠭᠥᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ᠎ᠡ | ᠃ ᠬᠤᠶᠠᠷ ᠲᠤ᠂ ᠡᠳ᠋ ᠤᠨ ᠵᠠᠰᠠᠭ ᠤᠨ ᠲᠥᠰᠥᠪ ᠪᠤᠯᠤᠨ ᠲᠥᠰᠥᠪ ᠤᠨ ᠭᠥᠢᠴᠡᠳᠭᠡᠯ᠂ ᠰᠠᠯᠠᠭ᠎ᠠ ᠮᠥᠴᠢᠷ ᠤᠨ | ᠲᠥᠰᠥᠪ ᠪᠤᠯᠤᠨ ᠲᠥᠰᠥᠪ ᠤᠨ ᠭᠥᠢᠴᠡᠳᠭᠡᠯ᠂ ︽ᠭᠤᠷᠪᠠᠨ ᠠᠯᠪᠠᠨ ᠤ ᠵᠠᠷᠤᠳᠠᠯ︾ ᠤᠨ ᠲᠥᠰᠥᠪ ᠪᠤᠯᠤᠨ | ᠲᠥᠰᠥᠪ ᠤᠨ ᠭᠥᠢᠴᠡᠳᠭᠡᠯ ᠢ ᠴᠠᠭ ᠲᠠᠷᠤᠢ ᠳᠤ ᠨᠢ ᠨᠡᠶᠢᠭᠡᠮ ᠳᠤ ᠢᠯᠡᠰᠢᠭᠦᠯᠵᠥ᠂ ᠠᠷᠠᠳ ᠲᠥᠮᠡᠨ ᠤ ᠬᠢᠨᠠᠯᠳᠠ ᠶᠢ | ᠤᠬᠠᠮᠰᠠᠷ ᠠᠴᠠ ᠪᠠᠨ ᠭᠥᠯᠢᠶᠡᠨ᠂ ᠨᠡᠶᠢᠳᠡ ᠶᠢᠨ ᠡᠳ᠋ ᠤᠨ ᠵᠠᠰᠠᠭ ᠢ ᠥᠨᠡᠨ ᠭᠦ ᠢᠯᠡ ᠪᠤᠯᠭᠠᠨ᠎ᠠ᠃ ᠭᠤᠷᠪᠠ ᠳᠤ᠂ | ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠰᠠᠭᠤᠷᠢ ᠪᠠᠶᠢᠭᠤᠯᠤᠯᠳᠠ ᠶᠢᠨ ᠲᠥᠷᠥᠯ ᠵᠥᠢᠯ ᠤᠨ ᠪᠡᠯᠡ | ᠮᠥᠩᠭᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠶᠢᠨ ᠡᠷᠬᠢᠯᠳᠡ ᠶᠢᠨ ᠪᠥᠭᠦ | ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢᠨ ᠲᠤᠭᠳᠡᠴᠠ ᠶᠢ ᠴᠢᠷᠮᠠᠶᠢᠨ ᠪᠥᠷᠢᠯᠳᠥᠭᠦᠯᠵᠥ᠂ ᠠᠵᠤ ᠠᠬᠤᠢ ᠶᠢᠨ | ᠪᠠᠶᠢᠳᠠᠯ ᠪᠤᠯᠤᠨ ᠡᠳ᠋ ᠤᠨ ᠵᠠᠰᠠᠭ ᠤᠨ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠳᠡ ᠶᠢᠨ ᠬᠠᠨᠳᠤᠰᠢ ᠶᠢ ᠢᠮᠠᠭᠳᠠ | ᠠᠩᠬᠠᠷᠤᠨ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠥᠷᠭᠡᠨ ᠲᠡᠯᠭᠡᠷᠡᠩᠭᠦᠢ ᠬᠢᠨᠠᠯᠳᠠ ᠶᠢ ᠰᠠᠨᠠᠭᠠᠴᠢᠯᠠᠭ᠎ᠠ ᠠᠴᠠ | ᠪᠠᠨ ᠭᠥᠯᠢᠶᠡᠵᠥ᠂ ᠥᠨᠡᠨ ᠭᠦ ᠬᠠᠤᠯᠢ ᠶᠤᠰᠤᠭᠠᠷ ᠵᠠᠰᠠᠭ ᠶᠠᠪᠤᠭᠤᠯᠤᠨ᠂ ᠬᠠᠤᠯᠢ ᠶᠤᠰᠤᠭᠠᠷ ᠡᠳ᠋ ᠤᠨ ᠵᠠᠰᠠᠭ ᠢᠶᠠᠨ | ᠬᠠᠮᠢᠶᠠᠷᠤᠨ᠎ᠠ᠃ | ᠲᠥᠯᠥᠭᠡᠯᠡᠭᠴᠢᠳ ᠡ᠂ 2017 ᠤᠨ ᠤ ᠡᠳ᠋ ᠤᠨ ᠵᠠᠰᠠᠭ ᠤᠨ ᠠᠵᠢᠯ ᠢᠶᠠᠨ ᠰᠠᠶᠢᠳᠤᠷ ᠬᠢᠭᠦ ᠪᠤᠯ | ᠴᠢᠬᠤᠯᠠ ᠶᠡᠭᠡ ᠠᠴᠢ ᠬᠤᠯᠪᠤᠭᠳᠠᠯ ᠲᠠᠢ ᠲᠠᠷᠬᠠᠨ ᠡᠭᠦᠷᠭᠡ ᠪᠤᠯᠬᠤ ᠶᠤᠮ᠃ ᠪᠢᠳᠠ ᠬᠤᠰᠢᠭᠤ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠭᠥᠴᠥᠳᠤ ᠤᠳᠤᠷᠢᠳᠤᠯᠭ᠎ᠠ ᠲᠤᠤᠷ᠎ᠠ᠂ ᠠᠷᠠᠳ ᠤᠨ ᠲᠥᠯᠥᠭᠡᠯᠡᠭᠴᠢᠳᠨ ᠤᠨ ᠶᠡᠭᠡ ᠬᠤᠷᠠᠯ | ᠵᠢᠴᠢ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠤᠬᠠᠮᠰᠠᠷ ᠠᠴᠠ ᠪᠠᠨ ᠬᠥᠯᠢᠶᠡᠵᠥ᠂ ᠢᠳᠡᠭᠡᠯ ᠢᠶᠠᠨ ᠭᠥᠪᠴᠢᠯᠡᠨ | ᠭᠥᠴᠢᠷ ᠢ ᠢᠯᠠᠵᠥ ᠰᠢᠷᠭᠠᠭᠤ ᠠᠵᠢᠯᠯᠠᠨ᠂ ᠪᠥᠭᠦ ᠵᠢᠯ ᠤᠨ ᠲᠥᠰᠥᠪ ᠤᠨ ᠡᠭᠦᠷᠭᠡ ᠪᠠᠨ ᠠᠮᠵᠢᠯᠳᠠ ᠲᠠᠢ | ᠪᠡᠶᠡᠯᠡᠭᠦᠯᠥᠨ᠂ ᠪᠥᠭᠦ ᠬᠤᠰᠢᠭᠤᠨ ᠤ ᠠᠵᠤ ᠠᠬᠤᠢ ᠶᠢᠨ ᠭᠥᠭᠵᠢᠯᠳᠡ ᠪᠤᠯᠤᠨ ᠨᠡᠶᠢᠭᠡᠮ ᠤᠨ ᠥᠢᠯᠡᠰ ᠤᠨ | ᠲᠠᠪᠰᠢᠯᠳᠠ ᠳᠤ ᠰᠢᠨ᠎ᠡ ᠬᠤᠪᠢ ᠨᠡᠮᠡᠷᠢ ᠥᠵᠡᠭᠦᠯᠰᠥᠭᠡᠢ︕ | ᠲᠤᠳᠤᠷᠬᠠᠶᠢᠯᠠᠯ᠄ ᠮᠡᠳᠡᠭᠦᠯᠥᠯᠳᠡ ᠳᠤ ᠬᠢ ᠤᠷᠤᠯᠭ᠎ᠠ ᠵᠠᠷᠤᠯᠭ᠎ᠠ ᠶᠢᠨ ᠬᠠᠷᠢᠴᠠᠭᠤᠯᠤᠯ ᠢ ᠪᠥᠭᠦ ᠬᠤᠳᠠ ᠶᠢᠨ | ᠨᠢᠭᠡᠳᠥᠯᠳᠡᠢ ᠪᠠᠷᠢᠮᠵᠢᠶ᠎ᠠ ᠪᠠᠷ ᠲᠤᠭᠠᠴᠠᠪᠠ᠃ | |