ᠤᠳᠤᠭ ᠤᠨ ᠡᠮᠥᠨᠡᠳᠤ ᠬᠤᠰᠢᠭᠤᠨ ᠤ 2016 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ | ᠶᠢᠨ ᠪᠠᠶᠢᠳᠠᠯ ᠪᠠ 2017 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | —— 2017 ᠤᠨ ᠤ 2 ᠰᠠᠷ᠎ᠠ ᠶᠢᠨ 8 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ | ᠤ 2016 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2017 ᠤᠨ ᠤ | ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ ᠶᠢᠰᠥᠳᠥᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ | ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2016 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2016 ᠤᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ | ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ ᠳᠠᠮᠵᠢᠯᠬᠡ | ᠳᠤᠤᠷ᠎ᠠ᠂ ᠣᠷᠣᠯᠭ᠎ᠠ ᠶᠢ ᠠᠤᠨᠬᠤᠨ ᠦᠬᠡᠷᠡᠴᠢᠯᠠᠯᠳᠠ ᠶᠢ ᠠᠬᠢᠭᠤᠯᠵᠣ᠂ ᠪᠦᠳᠦᠴᠡ ᠶᠢ ᠲᠣᠬᠢᠷᠠᠭᠤᠯᠣᠨ ᠠᠷᠠᠳ | ᠤᠨ ᠠᠮᠢᠳᠥᠷᠠᠯ ᠢ ᠰᠠᠶᠢᠵᠢᠷᠠᠭᠤᠯᠵᠤ᠂ ᠡᠬᠢ ᠰᠤᠷᠪᠤᠯᠵᠢ ᠶᠢ ᠨᠠᠶᠢᠤᠨᠬᠡᠬᠦ ᠬᠦᠴᠤᠯᠡᠴᠠ ᠪᠠᠨ ᠶᠡᠬᠡᠤᠨᠬᠡᠨ᠂ ᠤᠷᠤᠯᠭ᠎ᠠ | ᠶᠢ ᠪᠦᠬᠦ ᠬᠦᠴᠤᠨ ᠢᠶᠠᠷ ᠵᠤᠬᠢᠶᠠᠨ ᠪᠠᠶᠢᠭᠤᠯᠵᠤ᠂ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠤᠨ᠂ ᠡᠳ᠋ ᠤᠨ | ᠵᠠᠰᠠᠭ ᠤᠨ ᠬᠢᠨᠠᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠤᠷᠤᠯᠭ᠎ᠠ ᠶᠢᠨ ᠳᠤᠭᠳᠠᠭᠤᠨ ᠢᠶᠠᠷ ᠨᠡᠮᠡᠭᠳᠡᠬᠦ ᠶᠢ | ᠪᠠᠳᠤᠯᠠᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠬᠠᠷᠠᠯᠳᠠ ᠪᠠᠨ ᠴᠢᠨᠠᠷᠵᠢᠭᠤᠨ ᠪᠡᠶᠡᠯᠡᠭᠦᠯᠪᠠ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2016 ᠤᠨ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ 46.69 ᠳ᠋ᠦᠩᠰᠢᠭᠤᠷ | ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ18.1 | ᠳ᠋ᠦᠩᠰᠢᠭᠤᠷ ᠲᠥᠭᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 1 | ᠳ᠋ᠥᠩᠰᠢᠭᠤᠷ ᠲᠥᠭᠦᠷᠢᠭ ᠢ ᠪᠠᠭᠳᠠᠭᠠᠨ᠎ᠠ︶᠂ ᠠᠳᠠᠯᠢ ᠬᠤᠭᠤᠴᠠᠭᠠᠨ ᠤ ᠬᠢ ᠠᠴᠠ 13.1% ᠨᠡᠮᠡᠭᠳᠡᠵᠥ᠂ ᠲᠡᠭᠡᠳᠦ | ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 11.74 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ | ᠦᠯᠡᠳᠡᠪᠦᠷᠢ ᠣᠷᠣᠯᠭ᠎ᠠ 4.87 ᠳ᠋ᠦᠩᠰᠢᠭᠤᠷ ᠲᠦᠭᠦᠷᠢᠭ︔ ᠭᠠᠵᠠᠷ ᠤᠷᠤᠨ ᠤ ᠵᠠᠰᠠᠭ ᠤᠨ ᠤᠷᠳᠤᠨ ᠵᠢᠬᠡᠯᠡᠯᠬᠡ | ᠪᠠᠷ ᠠᠯᠪᠠᠨ ᠵᠢᠬᠡᠯᠯᠡᠯᠬᠡ ᠶᠢᠨ ᠳᠡᠮᠳᠡᠭ ᠤᠷᠤᠯᠠᠭᠤᠯᠤᠭᠰᠡᠨ ᠨᠢ 11.98 ᠳ᠋ᠦᠩᠰᠢᠭᠤᠷ ᠲᠦᠬᠦᠷᠢᠭ᠃᠂ ᠬᠤᠰᠢᠭᠤ | ᠲᠤᠰ ᠱᠠᠳᠤᠨ ᠤ ᠡᠯ᠎ᠡ ᠲᠠᠯ᠎ᠠ ᠶᠢᠨ ᠵᠠᠷᠤᠯᠭ᠎ᠠ 40.1 ᠳ᠋ᠦᠩᠰᠢᠭᠤᠷ ᠲᠥᠭᠦᠷᠢᠭ᠂ ᠡᠭᠦᠨ ᠳᠤ᠄ ᠨᠡᠶᠢᠲᠡ ᠶᠢᠨ ᠡᠳ᠋ | ᠤᠨ ᠵᠠᠰᠠᠭ ᠤᠨ ᠳᠥᠰᠥᠪ ᠤᠨ ᠵᠠᠷᠤᠯᠭ᠎ᠠ 29.91 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ | 129 ᠲᠥᠮᠡᠨ ᠲᠥᠭᠦᠷᠢᠭ᠂ ᠰᠢᠢᠳᠪᠦᠷᠢᠯᠡᠭᠰᠡᠨ ᠦᠷᠢ ᠦᠭᠴᠡᠭᠡ 10.18 ᠳ᠋ᠦᠩᠰᠢᠭᠤᠷ ᠲᠦᠭᠦᠷᠢᠭ︔ | ᠵᠢᠱᠢᠯᠳᠠ ᠪᠠᠷ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 4.48 ᠳ᠋ᠦᠩᠰᠢᠭᠤᠷ ᠲᠦᠬᠦᠷᠢᠭ ︵ᠡᠭᠦᠨ ᠳᠤ | ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.16 ᠳ᠋ᠥᠩᠰᠢᠭᠤᠷ ᠲᠥᠭᠦᠷᠢᠭ ᠪᠠᠭᠳᠠᠨ᠎ᠠ | ︶᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ | ᠣᠷᠣᠯᠭ᠎ᠠ ᠳᠠᠬᠢ ᠳᠠᠪᠣᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ 2.24 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠶᠢᠨ 12.38% ᠶᠢ ᠡᠵᠡᠯᠡᠵᠣ᠂ ᠠᠳᠠᠯᠢ | ᠬᠤᠭᠤᠴᠠᠭᠠᠨ ᠤ ᠬᠢ ᠠᠴᠠ 0.53 ᠳ᠋ᠥᠩᠰᠢᠭᠤᠷ ᠲᠥᠭᠦᠷᠢᠭ ᠨᠠᠮᠡᠭᠳᠡᠵᠤ᠂ 30.99% ᠪᠠᠷ ᠦᠰᠪᠠ᠃ ᠡᠭᠦᠨ | ᠳᠤ ᠦᠷᠲᠡᠭ ᠤᠨ ᠨᠡᠮᠡᠭᠳᠡᠯ ᠭᠠᠶᠢᠯᠢ 0.75 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 36. | 36% ᠪᠠᠷ ᠨᠠᠮᠡᠭᠳᠡᠪᠡ︔ ᠡᠵᠡᠩᠨᠡᠯᠲᠡ ᠶᠢᠨ ᠭᠠᠶᠢᠯᠢ 0.68 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ | ᠤ ᠬᠢ ᠠᠴᠠ 36% ᠪᠠᠷ ᠨᠠᠮᠡᠭᠳᠡᠪᠡ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 0.26 ᠳ᠋ᠦᠩᠰᠢᠭᠤᠷ | ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 550% ᠪᠠᠷ ᠨᠠᠮᠡᠭᠳᠡᠪᠡ︔ ᠬᠤᠪᠢ ᠬᠦᠮᠦᠨ ᠤ ᠣᠯᠵᠠᠪᠣᠷᠢ | ᠶᠢᠨ ᠭᠠᠶᠢᠯᠢ 0.11 ᠲᠥᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 37.5 % ᠪᠠᠷ ᠨᠡᠮᠡᠭᠳᠡᠪᠡ︔ | ᠡᠬᠢ ᠪᠠᠶᠠᠯᠢᠭ ᠤᠨ ᠭᠠᠶᠢᠯᠢ 0.44 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 20% ᠪᠠᠷ | ᠪᠠᠭᠤᠷᠠᠪᠠ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ | ᠮᠦᠴᠢᠷ 0.83 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 59.29% ᠶᠢ ᠪᠡᠶᠡᠯᠡᠭᠦᠯᠵᠣ | ᠂ ᠠᠳᠠᠯᠢ ᠬᠤᠭᠤᠴᠠᠭᠠᠨ ᠤ ᠬᠢ ᠠᠴᠠ0.3 ᠳ᠋ᠦᠩᠰᠢᠭᠤᠷ ᠳᠦᠭᠦᠷᠢᠭ ᠨᠡᠮᠡᠭᠳᠡᠵᠤ᠂ 56.6% ᠪᠠᠷ ᠦᠰᠪᠠ︔ | ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 9.57 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ | ᠳᠥᠰᠥᠪ ᠢᠶᠠᠨ 87.8 % ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 1.85 ᠳ᠋ᠦᠩᠰᠢᠭᠤᠷ | ᠲᠥᠭᠦᠷᠢᠭ ᠨᠡᠮᠡᠭᠳᠡᠵᠤ᠂ 23.96% ᠪᠠᠷ ᠦᠰᠪᠠ︔ ᠡᠳ᠋ ᠤᠨ ᠵᠠᠰᠠᠭ ᠤᠨ ᠰᠠᠯᠠᠭ᠎ᠠ ᠮᠦᠴᠢᠷ 7.7 | ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 154 % ᠶᠢ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ 0.06 ᠳ᠋ᠦᠩᠰᠢᠭᠤᠷ ᠲᠥᠭᠦᠷᠢᠭ ᠪᠠᠭᠤᠷᠠᠵᠤ᠂ 0.65% ᠪᠠᠷ ᠬᠠᠰᠤᠭᠳᠠᠪᠠ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠨᠡᠬᠦᠷᠡᠰᠣᠨ ᠠᠵᠢᠯ ᠲᠦᠷᠦᠯ 0.41 ᠳ᠋ᠦᠩᠰᠢᠭᠤᠷ | ᠳᠦᠭᠦᠷᠢᠭ ᠪᠡᠶᠡᠯᠡᠭᠦᠯᠵᠣ᠂ 20.59% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠠᠵᠢᠯ ᠲᠦᠷᠤᠯ 0.79 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 15.96 % ᠪᠠᠷ ᠪᠠᠭᠤᠷᠠᠪᠠ︔ ᠦᠢᠯᠡᠳᠪᠦᠷᠢᠯᠡᠯ ᠤᠨ ᠠᠵᠢᠯ ᠲᠦᠷᠤᠯ | 190 ᠲᠦᠮᠡᠨ ᠲᠦᠭᠦᠷᠢᠭ ᠪᠡᠶᠡᠯᠡᠭᠦᠯᠵᠤ᠂ 8.01% ᠪᠠᠷ ᠪᠠᠭᠤᠷᠠᠪᠠ︔ ᠴᠡᠬᠢᠯᠭᠠᠨ ᠬᠦᠴᠣᠨ ᠤ ᠠᠵᠢᠯ ᠲᠦᠷᠦᠯ | 0.49 ᠳ᠋ᠦᠩᠰᠢᠭᠤᠷ ᠳᠦᠭᠦᠷᠢᠭ ᠪᠡᠶᠡᠯᠡᠭᠦᠯᠵᠣ᠂ 250 % ᠪᠠᠷ ᠨᠡᠮᠡᠭᠳᠡᠪᠡ︔ ᠪᠠᠷᠢᠯᠭ᠎ᠠ ᠶᠢᠨ ᠠᠵᠢᠯ ᠲᠦᠷᠦᠯ | 0.67 ᠳ᠋ᠦᠩᠰᠢᠭᠤᠷ ᠳᠦᠭᠦᠷᠢᠭ ᠪᠡᠶᠡᠯᠡᠭᠦᠯᠵᠣ᠂ 42.55% ᠪᠠᠷ ᠨᠡᠮᠡᠭᠳᠡᠪᠡ︔ ᠵᠠᠮ ᠲᠡᠬᠡᠬᠡᠪᠣᠷᠢ ᠶᠢᠨ ᠦᠢᠯᠡᠰ | 385 ᠲᠥᠮᠡᠨ ᠳᠦᠭᠦᠷᠢᠭ ᠪᠡᠶᠡᠯᠡᠭᠦᠯᠵᠣ᠂ 17.87 % ᠪᠠᠷ ᠪᠠᠭᠤᠷᠠᠪᠠ︔ ᠬᠡᠷ ᠬᠦᠷᠦᠩᠬᠡ ᠶᠢᠨ ᠠᠵᠢᠯ | ᠲᠦᠷᠦᠯ 0.4 ᠳ᠋ᠦᠩᠰᠢᠭᠤᠷ ᠳᠦᠭᠦᠷᠢᠭ ᠪᠡᠶᠡᠯᠡᠭᠦᠯᠵᠣ᠂ 233.33% ᠪᠠᠷ ᠨᠡᠮᠡᠭᠳᠡᠪᠡ︔ ᠪᠦᠬᠡᠮ ᠢᠶᠠᠷ ᠪᠠ | ᠵᠢᠵᠢᠭᠯᠡᠨ ᠪᠣᠷᠣᠯᠠᠭᠤᠯᠬᠤ ᠦᠢᠯᠡᠰ 0.33 ᠳ᠋ᠦᠩᠰᠢᠭᠤᠷ ᠳᠦᠭᠦᠷᠢᠭ ᠪᠡᠶᠡᠯᠡᠭᠦᠯᠵᠣ᠂ 8.33 % ᠪᠠᠷ ᠪᠠᠭᠤᠷᠠᠪᠠ︔ | ᠬᠤᠨᠤᠭᠯᠠᠬᠤ ᠪᠠ ᠢᠳᠡᠭᠡᠨ ᠤᠮᠳᠠᠭᠠᠨ ᠤ ᠠᠵᠢᠯ ᠲᠦᠷᠤᠯ 132 ᠲᠦᠮᠡᠨ ᠲᠦᠭᠦᠷᠢᠭ ᠪᠡᠶᠡᠯᠡᠭᠦᠯᠵᠤ᠂ 24. | 25% ᠪᠠᠷ ᠨᠡᠮᠡᠭᠳᠡᠪᠡ︔ ᠦᠢᠯᠡᠴᠢᠯᠡᠬᠡᠨ ᠤ ᠦᠢᠯᠡᠰ 661 ᠲᠦᠮᠡᠨ ᠳᠦᠭᠦᠷᠢᠭ ᠪᠡᠶᠡᠯᠡᠭᠦᠯᠵᠣ᠂ 36.71% | ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0.18 ᠳ᠋ᠦᠩᠰᠢᠭᠤᠷ ᠳᠦᠭᠦᠷᠢᠭ ᠪᠡᠶᠡᠯᠡᠭᠦᠯᠵᠣ᠂ 38. | 46% ᠪᠠᠷ ᠨᠡᠮᠡᠭᠳᠡᠪᠡ︔ ᠪᠣᠰᠣᠳ ᠠᠵᠢᠯ ᠲᠦᠷᠦᠯ 14.69 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ | ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ | ᠪᠡᠶᠡᠯᠡᠭᠦᠯᠵᠣ᠂ 11.2% ᠢᠶᠠᠷ ᠨᠡᠮᠡᠭᠳᠡᠪᠠ᠃ | 2016 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 29.91 | ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.03% ᠪᠠᠷ ᠨᠡᠮᠡᠭᠳᠡᠪᠠ᠂ ᠡᠭᠦᠨ ᠳᠤ᠄ | ᠬᠤᠰᠢᠭᠤ ᠲᠣᠰ ᠱᠠᠳᠣᠨ ᠤ ᠵᠠᠷᠣᠯᠭ᠎ᠠ 24.14 ᠳ᠋ᠦ᠋ᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ ᠨᠡᠬᠡᠬᠡᠯᠲᠡ | ᠶᠢᠨ ᠣᠷᠣᠨ ᠤ ᠵᠠᠷᠣᠯᠭ᠎ᠠ 0.74 ᠳ᠋ᠦᠩᠰᠢᠭᠤᠷ ᠲᠥᠭᠦᠷᠢᠭ᠂ ᠪᠠᠯᠭᠠᠰᠦ ᠱᠠᠳᠦᠨ ᠤ ᠵᠠᠷᠣᠯᠭ᠎ᠠ 5.03 | ᠳ᠋ᠦᠩᠰᠢᠭᠤᠷ ᠲᠦᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ | ᠃ 2016 ᠤᠨ ᠳᠤ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠳᠤᠰ ᠱᠠᠳᠤᠨ ᠤ ᠤᠷᠤᠯᠭ᠎ᠠ | 1.39 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 1.08 ᠳ᠋ᠦᠩᠰᠢᠭᠤᠷ ᠲᠦᠬᠦᠷᠢᠭ | ᠨᠡᠮᠡᠭᠳᠡᠵᠤ᠂ 348.39% ᠪᠠᠷ ᠦᠰᠪᠠ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ | 1.52 ᠳ᠋ᠦᠩᠰᠢᠭᠤᠷ ᠲᠥᠭᠦᠷᠢᠭ ︵ᠡᠬᠦᠨ ᠳᠤ᠄ ᠳᠡᠬᠡᠳᠤ ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.13 | ᠳ᠋ᠦᠩᠰᠢᠭᠤᠷ ᠲᠦᠬᠦᠷᠢᠭ ᠪᠤᠢ︶᠂ ᠠᠳᠠᠯᠢ ᠬᠤᠭᠤᠴᠠᠭᠠᠨ ᠠᠴᠠ 1.1 ᠳ᠋ᠦᠩᠰᠢᠭᠤᠷ ᠲᠦᠬᠦᠷᠢᠭ ᠨᠡᠮᠡᠭᠳᠡᠵᠤ᠂ | 261.9% ᠪᠠᠷ ᠦᠰᠪᠠ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2016 ᠤᠨ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 1.43 ᠳ᠋ᠦᠩᠰᠢᠭᠤᠷ | ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ ᠪᠠᠭᠤᠷᠠᠵᠤ᠂ 12. | 27% ᠪᠠᠷ ᠬᠠᠰᠤᠭᠳᠠᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ | ᠵᠠᠷᠤᠯᠭ᠎ᠠ ᠶᠢ 1.43 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ | ᠲᠦᠬᠦᠷᠢᠭ ᠪᠠᠭᠤᠷᠠᠵᠤ᠂ 12.27% ᠪᠠᠷ ᠬᠠᠰᠤᠭᠳᠠᠪᠠ᠃ | 2016 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄ | ︵ᠨᠢᠭᠡ︶ ᠤᠷᠤᠯᠭ᠎ᠠ ᠶᠢᠨ ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭ᠎ᠠ ᠠᠳᠬᠤᠵᠤ᠂ ᠡᠳ᠋ ᠶᠢᠨ ᠵᠠᠰᠠᠭ ᠤᠨ | ᠤᠷᠤᠯᠭ᠎ᠠ ᠶᠢ ᠯᠠᠪᠳᠠᠭᠤᠨ ᠢᠶᠠᠷ ᠨᠡᠮᠡᠭᠳᠡᠬᠦᠯᠪᠠ᠃ 2016 ᠤᠨ ᠳᠤ᠂ ᠠᠵᠤ ᠠᠬᠤᠢ ᠶᠢᠨ ᠤᠷᠤᠭᠤᠳᠠᠯ ᠤᠨ | ᠳᠠᠷᠤᠯᠳᠠ ᠲᠤᠤᠷ᠎ᠠ᠂ ᠡᠳ᠋ ᠤᠨ ᠵᠠᠰᠠᠭ ᠶᠢᠨ ᠰᠠᠯᠠᠭ᠎ᠠ ᠮᠦᠴᠢᠷ ᠠᠴᠠ ᠤᠷᠣᠯᠭ᠎ᠠ ᠤᠨ ᠠᠵᠢᠯ ᠢ ᠳᠡᠭᠡᠲᠤ ᠬᠡᠮᠵᠢᠶ᠎ᠠ | ᠢᠶᠠᠷ ᠴᠢᠬᠤᠯᠠᠴᠢᠯᠠᠨ᠂ ᠳᠤᠬᠢᠷᠠᠭᠤᠯᠭ᠎ᠠ ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭᠠᠳᠬᠠᠬᠤ᠂ ᠨᠢᠭᠤᠭᠳᠠᠮᠠᠯ ᠬᠦᠴᠣᠨ | ᠢ ᠠᠭᠤᠳᠠᠯᠠᠵᠤ ᠤᠷᠤᠯᠭ᠎ᠠ ᠨᠡᠮᠡᠭᠳᠡᠭᠦᠯᠬᠦ ᠪᠠᠷ ᠳᠠᠮᠵᠢᠭᠤᠯᠤᠨ᠂ ᠣᠷᠣᠯᠭ᠎ᠠ ᠶᠢᠨ ᠰᠠᠨᠠᠭᠠᠴᠢᠯᠠᠭᠠᠳᠤ ᠡᠷᠬᠡ ᠶᠢ ᠴᠢᠩᠭ᠎ᠠ | ᠠᠤᠨᠬᠤᠵᠤ᠂ ᠡᠳ᠋ ᠤᠨ ᠵᠠᠰᠠᠭ ᠤᠨ ᠤᠷᠤᠯᠭ᠎ᠠ ᠶᠢ ᠯᠠᠪᠳᠠᠭᠤᠨ ᠢᠶᠠᠷ ᠨᠡᠮᠡᠭᠳᠡᠬᠦᠯᠪᠠ᠃ ᠪᠦᠬᠦ ᠬᠤᠰᠢᠭᠤᠨ ᠤ ᠨᠠᠶᠢᠳᠠ | ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 18.1 ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠵᠢᠯ ᠤᠨ | ᠡᠬᠢᠨ ᠤ ᠬᠠᠷᠠᠯᠳᠠ ᠡᠭᠦᠷᠭᠡ ᠶᠢᠨ ᠲᠦᠰᠤᠪ ᠤᠨ 104.6% ᠶᠢ ᠪᠡᠶᠡᠯᠡᠭᠦᠯᠵᠤ᠂ ᠡᠭᠦᠨ ᠳᠤ ᠭᠠᠶᠢᠯᠢ ᠶᠢᠨ | ᠤᠷᠤᠯᠭ᠎ᠠ ᠶᠢ 10.23 ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠭᠠᠶᠢᠯᠢ ᠶᠢᠨ ᠪᠤᠰᠤ ᠤᠷᠤᠯᠭ᠎ᠠ ᠶᠢ 7.87 | ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠤᠷᠤᠯᠭ᠎ᠠ ᠶᠢᠨ ᠡᠭᠦᠷᠭᠡ ᠪᠠᠨᠠᠮᠵᠢᠯᠳᠠ ᠲᠠᠢ ᠪᠡᠶᠡᠯᠡᠬᠦᠯᠪᠠ᠃ | ︵ᠬᠤᠶᠠᠷ︶ ᠵᠠᠷᠣᠯᠭ᠎ᠠ ᠶᠢᠨ ᠪᠦᠲᠦᠴᠠ ᠶᠢ ᠰᠢᠯᠢᠳᠡᠭᠵᠢᠭᠦᠯᠤᠨ᠂ ᠠᠷᠠᠳ ᠤᠨ ᠠᠮᠢᠳᠤᠷᠠᠯ ᠢ ᠬᠠᠷᠠᠭᠠᠯᠵᠠᠬᠤ | ᠪᠠᠳᠤᠯᠠᠭ᠎ᠠ ᠶᠢᠨ ᠲᠦᠪᠰᠢᠨ ᠢᠶᠠᠨ ᠳᠡᠬᠡᠭᠰᠢᠯᠡᠬᠦᠯᠪᠠ᠃ ᠳᠡᠭᠡᠳᠤ ᠱᠠᠳᠤᠨ ᠤ ᠬᠤᠯᠪᠤᠭᠳᠠᠯ ᠪᠦᠬᠦᠢ ᠱᠠᠭᠠᠷᠳᠠᠯᠭ᠎ᠠ | ᠶᠤᠰᠤᠭᠠᠷ᠂ ᠡᠳ᠋ ᠤᠨ ᠵᠠᠰᠠᠭ ᠤᠨ ᠪᠡᠯᠡ ᠮᠦᠩᠭᠦᠨ ᠤ ᠲᠠᠷᠤᠯᠳᠠ ᠶᠡᠭᠡ ᠪᠠᠶᠢᠬᠤ ᠪᠠᠶᠢᠳᠠᠯ ᠲᠤᠤᠷ᠎ᠡ᠂ ᠠᠯᠪᠠᠨ | ᠪᠠᠶᠢᠭᠤᠯᠭ᠎ᠠ ᠠᠵᠤ ᠤᠶᠢᠯᠡᠰ ᠤᠨ ᠨᠢᠬᠡᠴᠠ ᠶᠢᠨ ᠠᠵᠢᠯᠳᠠᠨ ᠤ ᠴᠠᠯᠢᠩ ᠪᠤᠯᠤᠨ ᠪᠠᠶᠢᠭᠤᠯᠤᠮᠵᠢ ᠶᠢᠨ ᠬᠡᠪ ᠤᠨ | ᠠᠵᠢᠯᠯᠠᠭ᠎ᠠ ᠶᠢ ᠭᠤᠤᠯᠳᠠᠯᠭ᠎ᠠ ᠲᠠᠢ ᠪᠠᠳᠤᠯᠠᠵᠤ᠂ 《ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ | ᠲᠠᠷᠢᠶᠠᠴᠢᠨ》᠂ ᠰᠤᠷᠭᠠᠨ ᠬᠦᠮᠤᠵᠢᠯ᠂ ᠡᠮ ᠡᠮᠨᠡᠯᠬᠡ ᠡᠷᠡᠭᠦᠯ ᠬᠠᠮᠠᠭᠠᠯᠠᠯ᠂ ᠨᠠᠶᠢᠬᠡᠮ ᠤᠨ ᠠᠪᠤᠷᠠᠨ ᠳᠤᠰᠠᠯᠠᠯᠳᠠ | ᠵᠡᠷᠬᠡ ᠠᠷᠠᠳ ᠤᠨ ᠠᠮᠢᠳᠤᠷᠠᠯ ᠤᠨ ᠲᠦᠷᠤᠯ ᠤᠨ ᠪᠡᠯᠡ ᠮᠦᠩᠭᠦᠨ ᠤ ᠤᠷᠤᠭᠤᠯᠤᠯᠳᠠ ᠶᠢ ᠨᠡᠮᠡᠭᠳᠡᠬᠦᠯᠤᠨ᠂《ᠠᠷᠪᠡ | ᠶᠢ ᠪᠦᠷᠢᠳᠤᠬᠦᠯᠬᠦ 》ᠠᠵᠢᠯ᠂《 ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠭᠦᠬᠦ ᠢᠨᠵᠧᠨᠧᠷᠢᠩ》᠂ ᠪᠦᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ | ᠳᠤᠭᠳᠠᠭᠠᠭᠰᠡᠨ ᠠᠷᠠᠳ ᠢ ᠬᠠᠷᠠᠭᠠᠯᠵᠠᠬᠤ ᠪᠤᠳᠠᠳᠤ ᠤᠴᠢᠷ᠂ ᠴᠢᠬᠤᠯᠠ ᠰᠢᠢᠤᠨᠪᠤᠷᠢ ᠪᠤᠯᠤᠨ ᠭᠤᠤᠯᠳᠠᠯᠭᠠᠳᠤ | ᠲᠦᠷᠤᠯ ᠵᠦᠢᠯ ᠤᠨ ᠪᠠᠶᠢᠭᠤᠯᠤᠯᠳᠠ ᠶᠢᠨ ᠪᠡᠯᠡ ᠮᠦᠩᠭᠦᠨ ᠤ ᠱᠠᠭᠠᠷᠳᠠᠯᠭ᠎ᠠ ᠶᠢ ᠬᠦᠴᠤᠯᠡᠨ ᠳᠠᠮᠵᠢᠵᠤ ᠰᠠᠶᠢᠳᠤᠷ | ᠪᠠᠳᠤᠯᠠᠪᠠ᠃ ᠡᠭᠦᠨ ᠳᠤ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ 22.5 ᠳ᠋ᠦᠩᠰᠢᠭᠤᠷ ᠲᠦᠬᠦᠷᠢᠭ | ᠬᠦᠷᠴᠤ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 75% ᠶᠢ ᠡᠵᠡᠯᠡᠵᠤ᠂ ᠠᠷᠠᠳ ᠤᠨ ᠠᠮᠢᠳᠤᠷᠠᠯ ᠢ | ᠪᠥᠳᠥᠮᠵᠢᠳᠡᠢ ᠪᠠᠳᠤᠯᠠᠵᠤ ᠰᠠᠶᠢᠵᠢᠷᠠᠭᠤᠯᠪᠠ᠃ | ︵ᠭᠤᠷᠪᠡ︶ ᠦᠭᠡᠷᠡᠴᠢᠯᠡᠯᠳᠠ ᠶᠢ ᠯᠠᠪᠳᠠᠭᠤᠨ ᠠᠬᠢᠭᠤᠯᠵᠤ᠂ ᠡᠳ᠋ ᠤᠨ ᠵᠠᠰᠠᠭ ᠤᠨ ᠳᠤᠭᠳᠠᠴᠠ ᠶᠢ | ᠲᠠᠰᠤᠷᠠᠯᠳᠠ ᠦᠭᠡᠢ ᠳᠡᠬᠦᠯᠳᠡᠷᠵᠢᠬᠦᠯᠪᠠ᠃ ᠤᠯᠤᠰ ᠤᠨ ᠭᠥᠮᠥᠷᠭᠡ ᠠᠴᠠ ᠲᠥᠪᠯᠡᠷᠡᠩᠭᠦᠢ ᠤᠯᠭᠤᠬᠤ | ᠥᠭᠡᠷᠡᠴᠢᠯᠡᠯᠳᠡ ᠶᠢ ᠲᠡᠭᠦᠯᠳᠡᠷᠵᠢᠭᠦᠯᠥᠨ᠂ ᠠᠯᠪᠠᠨ ᠺᠠᠷᠲ ᠢᠶᠠᠷ ᠲᠠᠰᠤᠯᠤᠨ ᠪᠤᠳᠤᠵᠤ ᠲᠠᠩᠰᠠ ᠲᠠᠶᠢᠯᠬᠤ ᠭᠤᠷᠢᠮ | ᠪᠠ ᠡᠳ᠋ ᠤᠨ ᠵᠠᠰᠠᠭ ᠤᠨ ᠬᠢᠨᠠᠨ ᠴᠤᠬᠤᠯᠠᠪᠤᠷᠢᠯᠠᠯ ᠤᠨ ᠲᠠᠷᠠᠭᠠᠯᠠᠯ ᠢ ᠤᠯᠠᠮ ᠲᠥᠷᠢᠮᠵᠢᠭᠦᠯᠵᠥ᠂ ᠡᠳ᠋ ᠤᠨ ᠵᠠᠰᠠᠭ | ᠤᠨ ᠪᠡᠯᠡ ᠮᠥᠩᠭᠦᠨ ᠤ ᠬᠠᠮᠢᠶᠠᠷᠤᠯᠳᠠ ᠡᠵᠡᠮᠳᠡᠯ ᠢ ᠡᠬᠢ ᠡᠭᠦᠰᠥᠯ ᠠᠴᠠ ᠨᠢ ᠴᠢᠩᠭᠠᠳᠬᠠᠪᠠ᠃ ︽ᠡᠵᠡᠩᠨᠡᠯᠳᠡ | ᠶᠢᠨ ᠭᠠᠶᠢᠯᠢ ᠶᠢ ᠨᠡᠮᠡᠭᠳᠡᠯ ᠥᠷᠳᠡᠭ ᠤᠨ ᠭᠠᠶᠢᠯᠢ ᠪᠠᠷ ᠥᠭᠡᠷᠡᠴᠢᠯᠡᠭᠦ︾ ᠲᠤᠷᠰᠢᠯᠳᠠ ᠶᠢᠨ ᠴᠡᠭ ᠤᠨ ᠠᠵᠢᠯ ᠢ | ᠥᠷᠭᠦᠯᠵᠢᠯᠡᠨ ᠠᠬᠢᠭᠤᠯᠵᠤ᠂ ᠭᠠᠶᠢᠯᠢ ᠶᠢᠨ ᠶᠠᠪᠤᠳᠠᠯ ᠪᠤᠯᠤᠨ ᠨᠡᠶᠢᠭᠡᠮ ᠤᠨ ᠪᠠᠳᠤᠯᠠᠭ᠎ᠠ ᠪᠠᠷ ᠭᠤᠤᠯ ᠠᠷᠭᠠᠠᠪᠴᠠᠯ | ᠪᠤᠯᠭᠠᠭᠰᠠᠨ ᠲᠤᠬᠢᠷᠠᠭᠤᠯᠤᠯᠳᠠ ᠶᠢᠨ ᠲᠤᠭᠳᠠᠴᠠ ᠶᠢᠨ ᠥᠭᠡᠷᠡᠴᠢᠯᠡᠯᠳᠡ ᠶᠢ ᠳᠡᠬᠦᠯᠳᠡᠷᠵᠢᠬᠦᠯᠤᠨ᠂ ᠪᠠᠭ᠎ᠠ ᠵᠢᠵᠢᠭ | ᠬᠡᠯᠪᠡᠷᠢ ᠶᠢᠨ ᠠᠵᠤ ᠠᠬᠤᠶᠢᠯᠠᠯ ᠪᠠ ᠬᠤᠪᠢ ᠡᠵᠡᠩᠨᠡᠯᠳᠡ ᠶᠢᠨ ᠥᠢᠯᠡᠳᠪᠥᠷᠢ ᠬᠤᠳᠠᠯᠳᠤᠭᠠᠨ ᠤ ᠡᠷᠥᠭᠡ ᠶᠢᠨ ᠡᠯ᠎ᠡ | ᠲᠥᠷᠥᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠭᠥᠭᠵᠢᠯᠳᠡ ᠶᠢ ᠲᠡᠮᠵᠢᠨ ᠲᠥᠷᠭᠡᠳᠭᠡᠪᠡ᠃ ᠪᠦᠬᠦ ᠬᠤᠰᠢᠭᠤᠨ ᠤ ᠪᠤᠳᠠᠳᠤ ᠪᠠᠶᠢᠳᠠᠯ ᠳᠤ | ᠰᠠᠭᠤᠷᠢᠯᠠᠨ ᠡᠳ᠋ ᠤᠨ ᠵᠠᠰᠠᠭ ᠤᠨ ᠲᠦᠷᠤᠯ ᠵᠦᠢᠯ ᠤᠨ ᠬᠦᠮᠤᠷᠬᠡ ᠪᠠᠶᠢᠭᠤᠯᠤᠨ᠂ PPP ᠵᠠᠭᠪᠤᠷ ᠢ ᠬᠦᠴᠤᠯᠡᠨ | ᠲᠦᠬᠡᠮᠡᠯᠵᠢᠬᠦᠯᠵᠤ᠂ ᠬᠤᠪᠢ ᠶᠢᠨ ᠡᠵᠡᠩᠨᠡᠯᠳᠠ ᠶᠢᠨ ᠠᠵᠤ ᠠᠬᠤᠶᠢᠯᠠᠯ᠂ ᠠᠷᠠᠤᠨ ᠤᠨ ᠡᠵᠡᠩᠨᠡᠯᠳᠠ ᠶᠢᠨ ᠬᠦᠷᠤᠩᠬᠡ | ᠪᠤᠯᠤᠨ ᠵᠠᠰᠠᠭ ᠤᠨ ᠤᠷᠳᠤᠨ ᠤ ᠬᠠᠮᠳᠤᠷᠠᠯᠴᠠᠭ᠎ᠠ ᠶᠢ ᠵᠤᠷᠢᠭᠵᠢᠭᠤᠯᠤᠨ᠂ ᠪᠦᠬᠦ ᠬᠤᠰᠢᠭᠤᠨ ᠤ ᠤᠯᠠᠨ ᠨᠠᠶᠢᠳᠠ ᠶᠢᠨ | ᠰᠠᠭᠤᠷᠢ ᠪᠠᠶᠢᠭᠤᠯᠤᠯᠳᠠ ᠳᠤ ᠤᠷᠤᠯᠴᠠᠭᠤᠯᠪᠠ᠃ 7 ᠲᠦᠷᠤᠯ ᠵᠦᠢᠯ ᠢ PPP ᠵᠠᠭᠪᠤᠷ ᠤᠨ ᠲᠦᠷᠤᠯ ᠵᠦᠢᠯ ᠤᠨ | ᠨᠦᠬᠡᠴᠠ ᠬᠦᠮᠤᠷᠬᠡ ᠳᠤ ᠪᠠᠭᠳᠠᠭᠠᠨ᠂ 2 ᠲᠦᠷᠤᠯ ᠵᠦᠢᠯ ᠢ ᠦᠪᠡᠷᠳᠡᠬᠡᠨ ᠵᠠᠰᠠᠬᠤ ᠤᠷᠤᠨ ᠤ ᠭᠤᠷᠪᠠᠳᠤᠭᠠᠷ | ᠪᠦᠯᠦᠭ ᠳᠠᠭᠤᠷᠢᠶᠠᠯ ᠲᠦᠷᠤᠯ ᠵᠦᠢᠯ ᠤᠨ ᠬᠦᠮᠤᠷᠬᠡ ᠳᠤ ᠳᠠᠩᠰᠠᠯᠠᠭᠤᠯᠤᠨ᠂ ᠠᠵᠤ ᠤᠶᠢᠯᠡᠰ ᠤᠨ ᠰᠠᠭᠤᠷᠢ ᠮᠦᠩᠬᠦ | ᠶᠢᠨ ᠬᠦᠰᠢᠬᠦᠷᠬᠡ ᠶᠢᠨ ᠤᠶᠢᠯᠡᠳᠤᠯ ᠢ ᠪᠦᠳᠤᠮᠵᠢᠳᠠᠢ ᠪᠠᠳᠠᠷᠠᠭᠤᠯᠪᠠ᠃ ᠵᠠᠰᠠᠭ ᠤᠨ ᠤᠷᠳᠤᠨ ᠤ ᠬᠤᠳᠠᠯᠳᠤᠨ ᠠᠪᠬᠤ | ᠠᠵᠢᠯ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠳᠤᠳᠤᠭᠠᠳᠤ | ᠡᠵᠡᠮᠰᠢᠯ ᠬᠠᠮᠢᠶᠠᠷᠤᠯᠳᠠ ᠶᠢ ᠴᠢᠩᠭᠠᠤᠨᠬᠠᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠨᠤᠷᠮ᠎ᠠ ᠶᠢ | ᠳᠠᠰᠤᠷᠠᠯᠳᠠ ᠦᠬᠡᠢ ᠳᠡᠬᠡᠭᠰᠢᠯᠡᠬᠦᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠡᠪᠴᠢᠶᠡᠵᠢᠯ ᠢ 1.58 | ᠳ᠋ᠦᠩᠰᠢᠭᠤᠷ ᠲᠦᠬᠦᠷᠢᠭ ᠬᠦᠷᠬᠡᠵᠤ᠂ 700 ᠲᠦᠮᠡᠨ ᠲᠦᠬᠦᠷᠢᠭ ᠪᠡᠯᠡ ᠮᠦᠩᠬᠦ ᠠᠷᠪᠢᠯᠠᠨ᠂ ᠪᠡᠯᠡ ᠮᠦᠩᠬᠦᠨ | ᠠᠷᠪᠢᠯᠠᠯᠳᠠ ᠶᠢᠨ ᠨᠤᠷᠮ᠎ᠠ ᠶᠢ 4.41% ᠬᠦᠷᠬᠡᠪᠠ᠃ | ︵ᠲᠦᠷᠪᠠ︶ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠵᠤ᠂ ᠪᠡᠯᠡ ᠮᠦᠩᠬᠦᠨ ᠤ | ᠬᠡᠷᠡᠭᠯᠡᠯᠳᠠ ᠶᠢᠨ ᠦᠷ᠎ᠠ ᠠᠰᠢᠭ ᠢ ᠳᠡᠬᠡᠭᠰᠢᠯᠡᠬᠦᠯᠪᠠ᠃ ᠨᠢᠬᠡ ᠳᠤ᠂ ᠪᠡᠯᠡ ᠮᠦᠩᠬᠦᠨ ᠤ ᠬᠢᠨᠠᠯᠳᠠ ᠬᠠᠮᠢᠶᠠᠷᠤᠯᠳᠠ ᠶᠢ | ᠴᠢᠩᠭᠠᠤᠨᠬᠪᠠ᠃ ᠡᠳ᠋ ᠤᠨ ᠵᠠᠰᠠᠭ ᠤᠨ ᠪᠡᠯᠡ ᠮᠦᠩᠬᠦ ᠳᠤ ᠶᠠᠪᠤᠴᠠ ᠶᠢᠨ ᠡᠮᠤᠨᠡᠬᠢ ᠬᠢᠨᠠᠯᠳᠠ ᠴᠤᠬᠤᠯᠠᠪᠤᠷᠢᠯᠠᠯᠳᠠ᠂ | ᠶᠠᠪᠤᠴᠠ ᠳᠤᠮᠳᠠᠬᠢ ᠬᠢᠨᠠᠯᠳᠠ ᠬᠠᠮᠢᠶᠠᠷᠤᠯᠳᠠ᠂ ᠳᠡᠬᠦᠰᠦᠭᠰᠡᠨ ᠤ ᠳᠠᠷᠠᠭᠠᠬᠢ ᠦᠷ᠎ᠠ ᠪᠦᠳᠤᠮᠵᠢ ᠶᠢᠨ ᠬᠠᠷᠢᠭᠤᠴᠠᠯᠭ᠎ᠠ | ᠠᠰᠠᠭᠤᠬᠤ ᠪᠦᠬᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢ ᠬᠦᠢᠴᠡᠤᠨ ᠴᠢᠩᠭᠠᠤᠨᠬᠠᠵᠤ᠂ ᠪᠡᠯᠡ ᠮᠦᠩᠬᠦᠨ ᠤ | ᠠᠮᠤᠷ ᠲᠦᠪᠰᠢᠨ ᠢ ᠪᠠᠳᠤᠯᠠᠨ ᠪᠦᠳᠤᠮᠵᠢᠳᠠᠢ ᠠᠰᠢᠭᠯᠠᠪᠠ᠃ ︽ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ ᠶᠢ | ᠶᠡᠬᠡᠪᠡᠷ ᠪᠠᠭᠤᠷᠠᠭᠤᠯᠵᠤ᠂ ᠪᠦᠬᠦ ᠬᠤᠰᠢᠭᠤᠨ ᠤ ︽ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ ᠶᠢ 2445 | ᠲᠦᠮᠡᠨ ᠲᠦᠬᠦᠷᠢᠭ ᠪᠤᠯᠭᠠᠵᠤ᠂ ᠠᠳᠠᠯᠢ ᠬᠤᠭᠤᠴᠠᠭᠠᠨ ᠤ ᠬᠢ ᠠᠴᠠ 2.8% ᠪᠠᠭᠤᠷᠠᠭᠤᠯᠤᠨ᠂ ᠡᠩ ᠤᠨ ᠠᠯᠪᠠᠨ | ᠵᠠᠷᠤᠯᠭ᠎ᠠ ᠶᠢᠨ ︽ᠳᠡᠭ ᠦᠰᠤᠯᠳᠠ︾ ᠶᠢ ᠪᠡᠶᠡᠯᠡᠬᠦᠯᠪᠠ᠃ ᠬᠤᠶᠠᠷ ᠲᠤ᠂ ᠦᠷᠢ ᠦᠭᠴᠡᠬᠡᠨ ᠤ ᠬᠠᠮᠢᠶᠠᠷᠤᠯᠳᠠ | ᠡᠵᠡᠮᠰᠢᠯ ᠢ ᠴᠢᠩᠭᠠᠤᠨᠬᠠᠪᠠ᠃ ᠦᠷᠢ ᠬᠤᠯᠠᠯᠳᠠ ᠶᠢᠨ ᠪᠡᠯᠡ ᠮᠦᠩᠬᠦ ᠶᠢ ᠤᠯᠠᠨ ᠠᠷᠭ᠎ᠠ ᠠᠪᠴᠠᠯ ᠢᠶᠠᠷ | ᠴᠤᠭᠯᠠᠭᠤᠯᠵᠤ᠂ ᠦᠯᠡᠳᠡᠭᠳᠡᠯ ᠦᠷᠢ ᠶᠢ ᠪᠦᠳᠤᠮᠵᠢᠳᠠᠢ ᠰᠢᠢᠤᠨᠪᠤᠷᠢᠯᠡᠪᠠ᠃ ᠵᠠᠰᠠᠭ ᠤᠨ ᠤᠷᠳᠤᠨ ᠤ ᠴᠢᠨᠠᠷᠳᠠᠢ | ᠦᠯᠡᠳᠡᠭᠳᠡᠯ ᠦᠷᠢ ᠶᠢ 12.5 ᠳ᠋ᠥᠩᠰᠢᠭᠤᠷ ᠲᠦᠬᠦᠷᠢᠭ ᠰᠢᠢᠤᠨᠪᠤᠷᠢᠯᠡᠵᠤ᠂ ᠶᠡᠷᠤᠩᠬᠡᠢ ᠬᠡᠮᠵᠢᠶ᠎ᠠ ᠶᠢ 50.38% | ᠪᠠᠭᠤᠷᠠᠭᠤᠯᠤᠨ᠂ ᠥᠯᠡᠳᠡᠭᠳᠡᠯ ᠥᠷᠢ 12.31 ᠳ᠋ᠥᠩᠰᠢᠭᠤᠷ ᠲᠥᠭᠦᠷᠢᠭ ᠪᠤᠯᠪᠠ᠃ ᠭᠤᠷᠪᠠ ᠳᠤ᠂ ᠲᠤᠰᠬᠠᠢ | ᠲᠥᠷᠥᠯ ᠤᠨ ᠪᠡᠯᠡ ᠮᠥᠩᠭᠦ ᠤᠯᠭᠤᠬᠤ ᠭᠥᠴᠥᠯᠡᠴᠡ ᠪᠠᠨ ᠨᠡᠮᠡᠭᠳᠡᠭᠦᠯᠪᠡ᠃ ᠲᠡᠭᠡᠳᠥ ᠱᠠᠳᠤᠨ ᠤ ᠳᠤᠰᠬᠠᠢ ᠲᠦᠷᠤᠯ | ᠤᠨ ᠪᠡᠯᠡ ᠮᠦᠩᠬᠦ ᠶᠢ ᠨᠠᠶᠢᠳᠠ 17.87 ᠳ᠋ᠦ᠋ᠩᠰᠢᠭᠤᠷ ᠲᠦᠬᠦᠷᠢᠭ ᠤᠯᠵᠤ᠂ 7.16 ᠳ᠋ᠦᠩᠰᠢᠭᠤᠷ ᠲᠦᠬᠦᠷᠢᠭ ᠢ | ᠤᠯᠭᠤᠨ ᠦᠭᠴᠤ᠂ ᠤᠯᠭᠤᠯᠳᠠ ᠶᠢᠨ ᠨᠤᠷᠮ᠎ᠠ 40.07% ᠬᠦᠷᠪᠠ᠃ ᠲᠦᠷᠪᠡ ᠳᠤ᠂ ᠳᠠᠷᠤᠭᠳᠠᠮᠠᠯ ᠪᠡᠯᠡ | ᠮᠦᠩᠬᠦ ᠶᠢ ᠪᠦᠬᠦ ᠳᠠᠯ᠎ᠠ ᠪᠠᠷ ᠳᠤᠭᠠᠴᠢᠨ ᠳᠤᠳᠤᠷᠬᠠᠶᠢᠯᠠᠪᠠ᠃ ᠤᠷᠢᠳᠠᠬᠢ ᠵᠢᠯ ᠤᠳ ᠤᠨ ᠦᠯᠡᠳᠡᠪᠤᠷᠢ ᠪᠡᠯᠡ | ᠮᠦᠩᠬᠦ ᠪᠠ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ᠶᠢ ᠳᠤᠭᠠᠴᠢᠨ ᠳᠤᠳᠤᠷᠬᠠᠶᠢᠯᠠᠵᠤ᠂ ᠡᠳ᠋ ᠤᠨ ᠵᠠᠰᠠᠭ ᠤᠨ | ᠪᠡᠯᠡ ᠮᠦᠩᠬᠦ ᠳᠠᠷᠤᠭᠳᠠᠬᠤ ᠤᠭ ᠰᠢᠯᠳᠠᠭᠠᠨ ᠢ ᠤᠬᠤᠴᠢᠯᠠᠨ ᠤᠶᠢᠯᠭᠠᠵᠤ᠂ ᠪᠤᠴᠠᠭᠠᠨ ᠠᠪᠬᠤ ᠪᠠ ᠲᠦᠯᠤᠵᠤ | ᠢᠯᠭᠠᠷᠠᠭᠤᠯᠬᠤ ᠠᠷᠭ᠎ᠠ ᠠᠪᠴᠠᠯ ᠳᠤᠭᠳᠠᠭᠠᠪᠠ᠃ ᠳᠠᠪᠤ ᠳᠤ᠂ ᠡᠳ᠋ ᠤᠨ ᠵᠠᠰᠠᠭ ᠤᠨ ᠳᠤᠰᠬᠠᠢ ᠳᠠᠩᠰᠠ ᠶᠢ ᠪᠦᠬᠦ | ᠳᠠᠯ᠎ᠠ ᠪᠠᠷ ᠴᠡᠭᠴᠡᠯᠡᠪᠠ᠃ ︽ᠰᠢᠨ᠎ᠠ ᠳᠠᠩᠰᠠ ᠶᠢ ᠰᠠᠶᠢᠳᠤᠷ ᠡᠵᠡᠮᠳᠡᠨ᠂ ᠬᠠᠭᠤᠴᠢᠨ ᠳᠠᠩᠰᠠ ᠶᠢ ᠪᠦᠳᠤᠮᠵᠢᠳᠠᠢ | ᠰᠢᠢᠤᠨᠪᠤᠷᠢᠯᠡᠵᠤ᠂ ᠬᠠᠮᠢᠶᠠᠷᠤᠯᠳᠠ ᠶᠢ ᠴᠢᠩᠭᠠᠤᠬᠠᠬᠤ︾ ᠵᠠᠷᠴᠢᠮ ᠶᠤᠰᠤᠭᠠᠷ᠂ 9 ᠳᠤᠰᠬᠠᠢ ᠳᠠᠩᠰᠠ ᠶᠢ ᠳᠤᠭᠠᠴᠢᠨ | ᠵᠤᠭᠰᠤᠭᠠᠵᠤ᠂ 11 ᠳᠤᠰᠬᠠᠢ ᠳᠠᠩᠰᠠ ᠦᠯᠡᠳᠡᠬᠡᠨ᠂ ᠡᠳ᠋ ᠤᠨ ᠵᠠᠰᠠᠭ ᠤᠨ ᠳᠤᠰᠬᠠᠢ ᠳᠠᠩᠰᠠ ᠶᠢᠨ ᠬᠠᠮᠢᠶᠠᠷᠤᠯᠳᠠ | ᠶᠢᠨ ︽ᠨᠠᠷᠢᠯᠢᠭ ᠲᠦᠷᠢᠮᠵᠢᠬᠦᠨ ᠠᠶᠤᠯᠬᠦᠢ︾ ᠪᠠᠶᠢᠬᠤ ᠶᠢ ᠪᠠᠳᠤᠯᠠᠪᠠ᠃ ᠵᠢᠷᠭᠤᠭ᠎ᠠ ᠳᠤ᠂ ᠳᠤᠳᠤᠭᠠᠳᠤ ᠡᠵᠡᠮᠰᠢᠯ | ᠤᠨ ᠳᠤᠭᠳᠠᠴᠠ ᠶᠢᠨ ᠪᠠᠶᠢᠭᠤᠯᠤᠯᠳᠠ ᠶᠢ ᠴᠢᠩᠭᠠᠤᠨᠬᠠᠪᠠ᠃ ︽ᠬᠠᠷᠢᠭᠤᠴᠠᠯᠭ᠎ᠠ ᠳᠤᠳᠤ᠂ ᠪᠦᠳᠤᠴᠠ ᠵᠤᠬᠢᠮᠵᠢᠳᠠᠢ᠂ | ᠠᠵᠢᠯᠯᠠᠭ᠎ᠠ ᠪᠠᠳᠤᠯᠠᠭᠠᠳᠠᠢ᠂ ᠳᠤᠭᠳᠠᠴᠠ ᠪᠦᠳᠤᠮᠵᠢᠳᠠᠢ︾ ᠪᠠᠶᠢᠬᠤ ᠵᠠᠷᠴᠢᠮ ᠶᠤᠰᠤᠭᠠᠷ᠂ ᠲᠦᠰᠤᠪ ᠳᠤᠭᠳᠠᠭᠠᠯᠳᠠ | ᠂ ᠲᠦᠰᠤᠪ ᠬᠦᠢᠴᠡᠤᠨᠬᠡᠯᠳᠠ ᠪᠤᠯᠤᠨ ᠪᠠᠶᠢᠭᠤᠯᠭ᠎ᠠ ᠶᠢᠨ ᠠᠵᠢᠯ ᠳᠤᠮᠳᠠᠬᠢ ᠳᠠᠯᠳᠠ ᠲᠦᠭᠰᠢᠬᠦᠷᠢ ᠶᠢ ᠪᠠᠶᠢᠴᠠᠭᠠᠨ | ᠴᠡᠭᠴᠡᠯᠡᠵᠤ᠂ ᠠᠯᠪᠠᠨ ᠪᠠᠶᠢᠭᠤᠯᠭ᠎ᠠ ᠶᠢᠨ ᠳᠤᠳᠤᠭᠠᠳᠤ ᠡᠵᠡᠮᠰᠢᠯ ᠤᠨ ᠳᠤᠭᠳᠠᠴᠠ ᠶᠢ ᠨᠠᠶᠢᠷᠠᠭᠤᠯᠤᠨ ᠳᠤᠭᠳᠠᠭᠠᠵᠤ᠂ | ᠡᠳ᠋ ᠤᠨ ᠵᠠᠰᠠᠭ ᠤᠨ ᠳᠤᠳᠤᠭᠠᠳᠤ ᠬᠠᠮᠢᠶᠠᠷᠤᠯᠳᠠ ᠶᠢᠨ ᠲᠦᠪᠰᠢᠨ ᠢᠶᠠᠨ ᠤᠯᠠᠮ ᠳᠡᠬᠡᠭᠰᠢᠯᠡᠬᠦᠯᠤᠨ᠂ ᠳᠤᠳᠤᠭᠠᠳᠤ | ᠡᠵᠡᠮᠳᠠᠯ ᠢ ᠲᠦᠷᠢᠮᠵᠢᠬᠦᠯᠤᠨ᠂ ᠴᠢᠬᠡᠴᠢ ᠵᠠᠰᠠᠭ ᠵᠦᠷᠢᠴᠡᠬᠦ ᠲᠦᠭᠰᠢᠬᠦᠷᠢ ᠶᠢ ᠪᠦᠳᠤᠮᠵᠢᠳᠠᠢ ᠰᠡᠷᠬᠡᠶᠢᠯᠡᠨ ᠡᠵᠡᠮᠳᠠᠪᠠ | ᠃ | ︵ᠳᠠᠪᠤ︶ ᠡᠳ᠋ ᠤᠨ ᠬᠦᠴᠤᠨ ᠤ ᠳᠡᠮᠵᠢᠯᠬᠡ ᠶᠢ ᠴᠢᠷᠮᠠᠶᠢᠨ ᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ | ᠳᠠᠷᠤᠯᠳᠠ ᠶᠢ ᠪᠦᠳᠤᠮᠵᠢᠳᠠᠢ ᠪᠠᠭᠠᠰᠬᠠᠪᠠ᠃ ᠨᠢᠬᠡ ᠳᠤ᠂ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤ ᠶᠢᠨ | ᠪᠤᠳᠤᠯᠭ᠎ᠠ ᠶᠢ ᠰᠠᠶᠢᠳᠤᠷ ᠰᠤᠳᠤᠯᠵᠤ᠂ ᠳᠡᠬᠡᠳᠤ ᠱᠠᠳᠤᠨ ᠤ ᠡᠳ᠋ ᠤᠨ ᠵᠠᠰᠠᠭ ᠤᠨ ᠪᠡᠯᠡ ᠮᠦᠩᠬᠦᠨ ᠤ ᠳᠡᠮᠵᠢᠯᠬᠡ | ᠶᠢᠨ ᠬᠠᠨᠳᠤᠰᠢ ᠶᠢ ᠤᠨᠤᠪᠴᠢᠳᠠᠢ ᠡᠵᠡᠮᠳᠡᠵᠤ᠂ ᠪᠦᠬᠦ ᠬᠤᠰᠢᠭᠤᠨ ᠤ ᠪᠤᠳᠠᠳᠤ ᠪᠠᠶᠢᠳᠠᠯ ᠳᠤ ᠰᠠᠭᠤᠷᠢᠯᠠᠨ᠂ ᠨᠠᠶᠢᠳᠠ | 133 ᠲᠦᠷᠤᠯ ᠵᠦᠢᠯ ᠴᠢᠷᠮᠠᠶᠢᠨ ᠠᠪᠴᠢᠷᠠᠵᠤ᠂ ᠳᠡᠬᠡᠳᠤ ᠱᠠᠳᠤᠨ ᠤ ᠪᠡᠯᠡ ᠮᠦᠩᠬᠦ ᠶᠢ ᠨᠠᠶᠢᠳᠠ 11.6 | ᠳ᠋ᠦᠩᠰᠢᠭᠤᠷ ᠲᠦᠬᠦᠷᠢᠭ ᠤᠯᠵᠤ ᠠᠪᠴᠢᠷᠠᠪᠠ᠃ ᠬᠤᠶᠠᠷ ᠲᠤ᠂ ᠮᠦᠩᠭᠦᠨ ᠬᠦᠢᠯᠬᠡᠬᠡᠨ ᠤ ᠪᠠᠳᠤᠯᠠᠨ ᠳᠠᠭᠠᠭᠠᠬᠤ | ᠰᠠᠯᠠᠭ᠎ᠠ ᠮᠦᠴᠢᠷ ᠢ ᠢᠳᠡᠪᠬᠢᠳᠠᠢ ᠤᠷᠢᠨ ᠠᠪᠴᠢᠷᠠᠪᠠ᠃ ᠦᠪᠤᠷ ᠮᠤᠩᠭᠤᠯ ᠤᠨ ᠼᠠᠢ ᠰᠢᠨ ᠪᠠᠳᠤᠯᠠᠨ ᠳᠠᠭᠠᠭᠠᠯᠳᠠ | ᠶᠢᠨ ᠺᠤᠮᠫᠠᠨᠢ ᠯᠤᠭ᠎ᠠ ᠬᠡᠯᠡᠯᠴᠡᠬᠡᠷ ᠳᠤᠭᠳᠠᠵᠤ᠂ ︽ᠤᠳᠤᠭ ᠤᠨ ᠡᠮᠤᠨᠡᠳᠤ ᠬᠤᠰᠢᠭᠤᠨ ᠤ ᠮᠠᠯᠴᠢᠨ ᠳᠠᠷᠢᠶᠠᠴᠢᠤᠨ | ᠤᠨ ᠳᠠᠭᠠᠭᠠᠯᠳᠠᠳᠤ ᠵᠢᠬᠡᠯᠡᠯᠬᠡ ᠶᠢᠨ ᠬᠡᠷᠡᠭᠵᠢᠬᠦᠯᠤᠯᠳᠠ ᠶᠢᠨ ᠲᠦᠰᠤᠯ ︵ᠳᠤᠷᠰᠢᠨ ᠬᠡᠷᠡᠭᠯᠡᠬᠦ︶︾ ᠳᠤᠭᠳᠠᠭᠠᠵᠤ᠂ | ᠬᠤᠰᠢᠭᠤᠨ ᠤ ᠳᠠᠷᠢᠶᠠᠯᠠᠩ ᠤᠨ ᠪᠠᠩᠬᠢ ᠪᠤᠯᠤᠨ ᠰᠢᠤᠳᠠᠨ ᠬᠠᠳᠠᠭᠠᠯᠠᠮᠵᠢ ᠶᠢᠨ ᠪᠠᠩᠬᠢ ᠠᠴᠠ ᠵᠢᠬᠡᠯᠡᠯᠬᠡ ᠶᠢᠨ | ᠶᠠᠪᠤᠳᠠᠯ ᠢ ᠬᠠᠷᠢᠭᠤᠴᠠᠨ ᠬᠦᠢᠴᠡᠤᠨᠬᠡᠬᠦ ᠪᠤᠯᠪᠠ᠃ ᠭᠤᠷᠪᠠ ᠳᠤ᠂ ᠪᠡᠯᠡ ᠬᠤᠷᠠᠮᠳᠤᠭᠤᠯᠬᠤ ᠬᠦᠴᠤᠯᠡᠴᠠ ᠪᠠᠨ | ᠨᠡᠮᠡᠭᠳᠡᠬᠦᠯᠪᠠ᠃ ᠤᠯᠤᠰ ᠤᠨ ᠨᠡᠬᠡᠬᠡᠯᠳᠠ ᠶᠢᠨ ᠪᠠᠩᠬᠢ᠂ ᠳᠠᠷᠢᠶᠠᠯᠠᠩ ᠤᠨ ᠪᠠᠩᠬᠢ᠂ ᠤᠷᠳᠤᠰ ᠪᠠᠩᠬᠢ᠂ ᠢᠳᠡᠬᠡᠮᠵᠢ | ᠶᠢᠨ ᠬᠤᠷᠰᠢᠶ᠎ᠠ᠂ ᠬᠤᠸᠠᠨ ᠴᠢᠦ ᠲᠦᠷᠢᠶᠡᠰᠤᠨ ᠺᠤᠮᠫᠠᠨᠢ ᠵᠡᠷᠬᠡ 10 ᠮᠦᠩᠬᠦᠨ ᠬᠦᠢᠯᠬᠡᠬᠡᠨ ᠤ ᠰᠠᠯᠠᠭ᠎ᠠ ᠮᠦᠴᠢᠷ | ᠯᠦᠭᠡ ᠢᠳᠡᠪᠬᠢᠳᠠᠢ ᠬᠠᠷᠢᠯᠴᠠᠵᠤ᠂ ᠵᠠᠰᠠᠭ ᠤᠨ ᠤᠷᠳᠤᠨ ᠠᠴᠠ ᠤᠶᠢᠯᠡᠴᠢᠯᠡᠭᠡ ᠤᠷᠢᠬᠤ ᠪᠠ ᠡᠬᠡᠬᠦᠯᠤᠨ | ᠬᠤᠳᠠᠯᠳᠤᠵᠤ ᠠᠪᠬᠤ ᠵᠡᠷᠬᠡ ᠠᠷᠭ᠎ᠠ ᠠᠪᠴᠠᠯ ᠢᠶᠠᠷ 30.47 ᠳ᠋ᠦᠩᠰᠢᠭᠤᠷ ᠲᠦᠬᠦᠷᠢᠭ ᠪᠡᠯᠡ ᠬᠤᠷᠠᠮᠳᠤᠭᠤᠯᠬᠤ | ᠪᠠᠷ ᠪᠤᠯᠵᠤᠵᠤ᠂ 7.7 ᠳ᠋ᠦᠩᠰᠢᠭᠤᠷ ᠲᠦᠬᠦᠷᠢᠭ ᠪᠡᠯᠡ ᠬᠤᠷᠠᠮᠳᠤᠭᠤᠯᠬᠤ ᠶᠢ ᠪᠡᠶᠡᠯᠡᠬᠦᠯᠵᠤ᠂ ᠪᠦᠬᠦ ᠬᠤᠰᠢᠭᠤᠨ ᠤ | ᠠᠵᠤ ᠤᠶᠢᠯᠡᠰ ᠤᠨ ᠳᠤᠬᠢᠷᠠᠭᠤᠯᠤᠯᠳᠠ ᠪᠤᠯᠤᠨ ᠰᠢᠨᠡᠴᠢᠯᠠᠯᠳᠠ ᠪᠦᠳᠤᠬᠡᠯᠳᠠ ᠳᠤ ᠪᠡᠯᠡ ᠮᠦᠩᠬᠦᠨ ᠤ ᠳᠡᠮᠵᠢᠯᠬᠡ | ᠬᠠᠩᠭᠠᠪᠠ᠃ ᠲᠦᠷᠪᠡ ᠳᠤ᠂ ᠤᠯᠠᠨ ᠨᠠᠶᠢᠳᠠ ᠶᠢᠨ ᠤᠶᠢᠯᠡᠴᠢᠯᠡᠬᠡᠨ ᠤ ᠠᠷᠭ᠎ᠠ ᠬᠡᠯᠪᠡᠷᠢ ᠶᠢᠨ ᠰᠢᠨᠠᠴᠢᠯᠠᠯᠳᠠ ᠶᠢ | ᠳᠡᠮᠵᠢᠵᠤ᠂ ᠨᠠᠶᠢᠬᠡᠮ ᠤᠨ ᠪᠡᠯᠡ ᠮᠦᠩᠬᠦ ᠶᠢ ᠦᠷᠬᠡᠨ ᠢᠶᠠᠷ ᠳᠠᠳᠠᠨ ᠤᠷᠤᠯᠴᠠᠭᠤᠯᠵᠤ᠂ ᠵᠠᠰᠠᠭ ᠤᠨ ᠤᠷᠳᠤᠨ ᠤ | ᠨᠠᠶᠢᠳᠠ ᠶᠢᠨ ᠤᠶᠢᠯᠡᠴᠢᠯᠡᠭᠡ ᠠᠪᠬᠤ ᠠᠵᠢᠯ ᠢ ᠯᠠᠪᠳᠠᠭᠤᠨ ᠠᠬᠢᠭᠤᠯᠤᠨ᠂ ᠠᠵᠤ ᠤᠶᠢᠯᠡᠰ ᠢᠶᠠᠷ ᠰᠠᠭᠤᠷᠢ ᠮᠦᠩᠬᠦ | ᠬᠦᠭᠵᠢᠬᠦᠯᠬᠦ᠂ ᠠᠵᠤ ᠠᠬᠤᠶᠢᠯᠠᠯ ᠠᠴᠠ ᠵᠢᠬᠡᠯᠡᠯᠬᠡ ᠶᠢᠨ ᠳᠡᠮᠳᠡᠭ ᠳᠠᠷᠬᠠᠭᠠᠬᠤ ᠵᠡᠷᠬᠡ ᠡᠯ᠎ᠡ ᠠᠷᠭ᠎ᠠ ᠠᠪᠴᠠᠯ ᠢᠶᠠᠷ | ᠪᠡᠯᠡ ᠮᠦᠩᠬᠦᠨ ᠤ ᠤᠷᠤᠭᠤᠯᠤᠯᠳᠠ ᠶᠢ ᠨᠡᠮᠡᠭᠳᠡᠬᠦᠯᠵᠤ᠂ ᠠᠷᠠᠤᠨ ᠤᠨ ᠳᠤᠮᠳᠠᠬᠢ ᠪᠡᠯᠡ ᠮᠦᠩᠬᠦᠨ ᠤ ᠡᠷᠬᠢᠯᠳᠠ ᠶᠢ | ᠬᠦᠭᠵᠢᠬᠡᠪᠠ᠃ | ᠲᠦᠯᠤᠬᠡᠯᠡᠭᠴᠢᠤᠨ ᠡ᠂ 2016 ᠤᠨ ᠤ ᠡᠳ᠋ ᠤᠨ ᠵᠠᠰᠠᠭ ᠤᠨ ᠲᠦᠰᠤᠪ ᠤᠨ ᠬᠡᠷᠡᠭᠵᠢᠬᠦᠯᠤᠯᠳᠠ ᠶᠢᠨ | ᠪᠠᠶᠢᠳᠠᠯ ᠶᠡᠷᠤᠩᠬᠡᠢ ᠳᠤ ᠪᠠᠨ ᠰᠠᠶᠢᠨ ᠪᠠᠶᠢᠵᠤ᠂ ᠤᠷᠤᠯᠭ᠎ᠠ ᠵᠠᠷᠤᠯᠭ᠎ᠠ ᠶᠢᠨ ᠬᠡᠪᠴᠢᠶᠡᠵᠢᠯ ᠤᠯᠠᠮ ᠨᠢᠬᠡ ᠠᠯᠬᠤᠮ | ᠦᠷᠬᠡᠤᠨᠴᠤ᠂ ᠡᠳ᠋ ᠤᠨ ᠵᠠᠰᠠᠭ ᠤᠨ ᠪᠠᠳᠤᠯᠠᠭ᠎ᠠ ᠶᠢᠨ ᠴᠢᠳᠠᠪᠤᠷᠢ ᠢᠯᠡᠤᠨᠳᠠ ᠳᠡᠬᠡᠭᠰᠢᠯᠡᠪᠠ᠃ ᠬᠡᠪᠡᠴᠤ ᠪᠢᠳᠠ ᠡᠳ᠋ | ᠤᠨ ᠵᠠᠰᠠᠭ ᠤᠨ ᠠᠵᠢᠯ ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠳᠠᠨᠢᠬᠤ ᠬᠡᠷᠡᠭᠲᠡᠢ᠄ ᠨᠢᠬᠡ ᠳᠤ | ᠂ ᠡᠳ᠋ ᠤᠨ ᠬᠦᠴᠤᠨ ᠪᠠ ᠪᠡᠯᠡ ᠮᠦᠩᠬᠦᠨ ᠤ ᠬᠤᠤᠰ ᠨᠦᠯᠤᠬᠡᠯᠡᠯ ᠢᠶᠠᠷ ᠭᠠᠵᠠᠷ ᠤᠷᠤᠨ ᠤ ᠡᠳ᠋ ᠤᠨ ᠵᠠᠰᠠᠭ ᠤᠨ | ᠤᠷᠤᠯᠭ᠎ᠠ ᠵᠠᠷᠤᠯᠭ᠎ᠠ ᠶᠢᠨ ᠵᠦᠷᠢᠴᠡᠯ ᠢᠯᠡᠤᠨᠳᠠ ᠳᠤᠪᠤᠶᠢᠮ᠎ᠠ᠂ ᠠᠷᠠᠤᠨ ᠤᠨ ᠠᠮᠢᠳᠤᠷᠠᠯ᠂ ᠦᠷᠢ ᠶᠢ ᠰᠢᠢᠤᠨᠪᠤᠷᠢᠯᠡᠬᠦ | ᠵᠡᠷᠬᠡ ᠪᠠᠳᠤᠯᠠᠭ᠎ᠠ ᠶᠢᠨ ᠬᠦᠴᠤᠯᠡᠴᠠ ᠶᠢ ᠶᠡᠬᠡᠤᠨᠬᠡᠬᠦ ᠴᠢᠬᠤᠯᠠᠳᠠᠢ︔ ᠬᠤᠶᠠᠷ ᠲᠤ᠂ ᠳᠡᠬᠡᠳᠤ ᠱᠠᠳᠤᠨ ᠤ ᠲᠦᠷᠤ | ᠶᠢᠨ ᠪᠤᠳᠤᠯᠭ᠎ᠠ᠂ ᠪᠡᠯᠡ ᠮᠦᠩᠬᠦ ᠶᠢ ᠤᠯᠬᠤ ᠬᠦᠴᠤᠯᠡᠴᠠ ᠳᠤᠳᠠᠮᠠᠭ᠂ ᠡᠳ᠋ ᠤᠨ ᠵᠠᠰᠠᠭ ᠤᠨ ᠴᠢᠳᠠᠪᠬᠢ ᠶᠢ | ᠪᠠᠳᠠᠷᠠᠭᠤᠯᠬᠤ᠂ ᠠᠵᠢᠯ ᠤᠨ ᠰᠤᠷᠳᠠᠯ ᠢ ᠠᠬᠢᠭᠤᠯᠬᠤ ᠳᠠᠯ᠎ᠠ ᠪᠠᠷ ᠤᠯᠠᠮ ᠨᠢᠬᠡ ᠠᠯᠬᠤᠮ ᠴᠢᠩᠭᠠᠤᠨᠬᠠᠬᠤ | ᠴᠢᠬᠤᠯᠠᠳᠠᠢ︔ ᠭᠤᠷᠪᠠ ᠳᠤ᠂ ᠬᠡᠰᠡᠭ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠯᠳᠠ ᠶᠢᠨ ᠪᠦᠳᠤᠮᠵᠢ | ᠦᠨᠳᠤᠷ ᠪᠤᠰᠤ᠂ ᠡᠳ᠋ ᠤᠨ ᠵᠠᠰᠠᠭ ᠤᠨ ᠪᠦᠳᠤᠮᠵᠢ ᠶᠢᠨ ᠦᠨᠡᠯᠡᠯᠳᠠ ᠪᠠ ᠪᠡᠯᠡ ᠤᠷᠤᠭᠤᠯᠤᠯᠳᠠ ᠶᠢᠨ ᠬᠢᠨᠠᠨ | ᠳᠤᠭᠳᠠᠭᠠᠯᠳᠠ ᠶᠢᠨ ᠠᠵᠢᠯ ᠢ ᠢᠳᠡᠪᠬᠢᠳᠠᠢ ᠠᠬᠢᠭᠤᠯᠬᠤ ᠴᠢᠬᠤᠯᠠᠳᠠᠢ᠃ | ᠬᠤᠶᠠᠷ᠂ 2017 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ︵ᠨᠢᠬᠡ︶ 2017 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ | ᠰᠠᠨᠠᠭ᠎ᠠ | ᠨᠠᠮ ᠤᠨ ᠨᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ | ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠵᠤ᠂ ᠬᠦᠬᠡᠬᠤᠳᠠ ᠪᠤᠭᠤᠳᠤ ᠤᠷᠳᠤᠰ ᠤᠷᠤᠨ | ᠤ ᠬᠠᠮᠳᠤᠷᠠᠨ ᠬᠦᠭᠵᠢᠬᠦ ᠪᠠᠶᠢᠯᠳᠤᠬᠤ ᠪᠤᠳᠤᠯᠭ᠎ᠠ ᠪᠤᠯᠤᠨ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ | ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠨᠡᠬᠡᠬᠡᠯᠳᠠ ᠲᠠᠢ ᠵᠤᠬᠢᠴᠠᠯ ᠲᠠᠢ | ᠠᠮᠢ ᠠᠬᠤᠶᠢᠴᠢ ᠰᠢᠨᠠᠴᠢᠯᠠᠯᠳᠠ ᠲᠠᠢ ᠬᠠᠮᠳᠤ ᠡᠳ᠋ᠯᠡᠬᠦ ᠬᠦᠭᠵᠢᠯᠳᠠ ᠶᠢᠨ ᠰᠡᠤᠨᠬᠢᠮᠵᠢ ᠶᠢ ᠪᠤᠢ ᠪᠤᠯᠭᠠᠨ᠂ ᠠᠵᠤ | ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠲᠠᠢ ᠵᠤᠬᠢᠴᠠᠨ᠂ ᠡᠳ᠋ ᠤᠨ ᠵᠠᠰᠠᠭ | ᠭᠠᠶᠢᠯᠢ ᠶᠢᠨ ᠶᠠᠪᠤᠳᠠᠯ ᠤᠨ ᠳᠤᠭᠳᠠᠴᠠ ᠶᠢᠨ ᠦᠬᠡᠷᠡᠴᠢᠯᠠᠯᠳᠠ᠂ ᠵᠠᠷᠤᠯᠭ᠎ᠠ ᠶᠢᠨ ᠪᠦᠳᠤᠴᠠ ᠶᠢᠨ | ᠰᠢᠯᠢᠳᠡᠭᠵᠢᠬᠦᠯᠤᠯᠳᠠ᠂ ᠠᠷᠠᠤᠨ ᠤᠨ ᠠᠮᠢᠳᠤᠷᠠᠯ ᠤᠨ ᠪᠠᠳᠤᠯᠠᠭ᠎ᠠ ᠵᠡᠷᠬᠡ ᠶᠢ ᠠᠵᠢᠯ ᠤᠨ ᠭᠤᠤᠯᠳᠠᠯᠭ᠎ᠠ ᠪᠤᠯᠭᠠᠨ | ᠠᠬᠢᠭᠤᠯᠵᠤ᠂ ᠤᠷᠤᠯᠭ᠎ᠠ ᠨᠡᠮᠡᠭᠳᠡᠬᠦᠯᠤᠨ ᠵᠠᠷᠤᠯᠭᠠᠠᠷᠪᠢᠯᠠᠬᠤ᠂ ᠦᠬᠡᠷᠡᠴᠢᠯᠠᠯᠳᠠ ᠰᠢᠨᠠᠴᠢᠯᠠᠯᠳᠠ ᠬᠢᠬᠦ᠂ ᠰᠢᠪᠠᠳᠠᠨ | ᠪᠠᠶᠢᠴᠠᠭᠠᠵᠤ ᠬᠠᠷᠢᠭᠤᠴᠠᠯᠭ᠎ᠠ ᠠᠰᠠᠭᠤᠬᠤ ᠵᠡᠷᠬᠡ ᠳᠠᠯ᠎ᠠ ᠪᠠᠷ ᠰᠢᠪᠳᠤᠯᠤᠯᠳᠠ ᠬᠢᠵᠤ᠂ ᠬᠦᠭᠵᠢᠯᠳᠠ ᠶᠢᠨ ᠲᠦᠯᠬᠢᠴᠠ | ᠬᠦᠴᠤᠨ ᠢ ᠦᠷᠬᠦᠯᠵᠢᠯᠡᠨ ᠴᠢᠩᠭᠠᠤᠨᠬᠠᠵᠤ᠂ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ | ᠠᠬᠤᠢ ᠵᠣᠬᠢᠴᠠᠯᠳᠠᠢ᠂ ᠡᠮᠬᠢ ᠵᠢᠷᠦᠮ ᠰᠠᠶᠢᠨ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠪᠠᠶᠢᠭᠤᠯᠬᠤ ᠳᠤ ᠡᠳ᠋ | ᠤᠨ ᠬᠦᠴᠤᠨ ᠤ ᠪᠠᠳᠤᠯᠠᠭ᠎ᠠ ᠬᠠᠩᠭᠠᠬᠤ ᠪᠠᠷ ᠢᠳᠡᠪᠬᠢᠯᠠᠨᠠ᠃ | ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠳᠠᠢ | ᠨᠢᠬᠡ ᠳᠤ ᠢᠳᠡᠪᠬᠢᠳᠠᠢ ᠯᠠᠪᠳᠠᠭᠤᠨ ᠢᠶᠠᠷ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ ᠤᠷᠤᠯᠭ᠎ᠠ ᠶᠢᠨ | ᠲᠦᠰᠤᠪ ᠢ ᠪᠦᠬᠦ ᠬᠤᠰᠢᠭᠤᠨ ᠤ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ᠂ ᠳᠤᠭᠳᠠᠮᠠᠯ | ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠭᠤᠤᠯ ᠬᠦᠭᠵᠢᠯᠳᠠ ᠶᠢᠨ ᠵᠢᠱᠢᠭᠰᠡᠨ ᠬᠠᠷᠠᠯᠳᠠ | ᠲᠠᠢ ᠵᠤᠬᠢᠴᠠᠭᠤᠯᠵᠤ᠂ ᠤᠯᠤᠰ ᠤᠨ ᠭᠠᠶᠢᠯᠢ ᠶᠢᠨ ᠲᠦᠷᠢᠮ ᠤᠨ ᠦᠬᠡᠷᠡᠴᠢᠯᠠᠯᠳᠠ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ᠂ ᠠᠵᠢᠯ ᠤᠶᠢᠯᠡᠰ᠂ ᠭᠠᠶᠢᠯᠢ ᠶᠢᠨ ᠲᠦᠷᠤᠯ ᠢ ᠦᠨᠳᠤᠰᠤᠯᠠᠨ ᠤᠷᠤᠯᠭ᠎ᠠ ᠪᠠ ᠡᠳ᠋ ᠤᠨ ᠬᠦᠴᠤᠨ | ᠢ ᠪᠤᠳᠠᠳᠠᠢ ᠲᠦᠰᠤᠪᠯᠡᠨᠠ᠃ ᠵᠠᠷᠤᠯᠭ᠎ᠠ ᠶᠢᠨ ᠲᠦᠰᠤᠪ ᠪᠠ ᠤᠷᠤᠯᠭ᠎ᠠ ᠶᠢᠨ ᠲᠦᠰᠤᠪ ᠢ ᠬᠠᠷᠢᠯᠴᠠᠨ | ᠬᠠᠷᠠᠭᠠᠯᠵᠠᠭᠤᠯᠵᠤ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ | ᠬᠤᠶᠠᠷ ᠲᠤ ᠠᠷᠪᠢᠯᠠᠨ ᠭᠠᠮᠨᠠᠵᠣ᠂ ᠭᠤᠤᠯᠳᠠᠯᠭ᠎ᠠ ᠶᠢ ᠲᠣᠪᠣᠶᠢᠯᠭᠠᠨ᠎ᠠ᠃ ︽ᠴᠠᠯᠢᠩ ᠢ ᠪᠠᠳᠣᠯᠠᠬᠤ᠂ ᠡᠷᠬᠢᠯᠳᠠ | ᠶᠢ ᠪᠠᠳᠣᠯᠠᠬᠤ᠂ ᠦᠨᠳᠦᠰᠦᠨ ᠠᠷᠠᠳ ᠤᠨ ᠠᠮᠢᠳᠣᠷᠠᠯ ᠢ ᠪᠠᠳᠣᠯᠠᠬᠤ᠂ ᠡᠩ ᠤᠨ ᠵᠠᠷᠣᠯᠭ᠎ᠠ ᠶᠢ ᠪᠠᠭᠠᠰᠬᠠᠬᠤ︾ ᠶᠢ | ᠲᠣᠪᠣᠶᠢᠯᠭᠠᠨ᠎ᠠ᠃ ︽ᠭᠤᠷᠪᠠᠨ ᠠᠯᠪᠠᠨ︾ ᠵᠠᠷᠣᠳᠠᠯ᠂ ᠵᠠᠰᠠᠭ ᠵᠠᠬᠢᠷᠭᠠᠨ ᠤ ᠡᠷᠬᠢᠯᠳᠠ᠂ ᠵᠠᠰᠠᠭ ᠤᠨ ᠣᠷᠳᠣᠨ ᠠᠴᠠ | ᠪᠡᠯᠡ ᠣᠷᠣᠭᠤᠯᠣᠭᠰᠠᠨ ᠰᠠᠭᠤᠷᠢ ᠪᠠᠶᠢᠭᠤᠯᠣᠯᠳᠠ ᠵᠡᠷᠭᠡ ᠶᠢᠨ ᠡᠩ ᠤᠨ ᠵᠠᠷᠣᠯᠭ᠎ᠠ ᠶᠢ ᠡᠷᠴᠢᠮᠳᠠᠢ ᠪᠠᠭᠠᠰᠬᠠᠵᠣ᠂ | ᠬᠡᠯᠪᠡᠷᠢ ᠶᠢ ᠬᠤᠪᠢᠷᠠᠭᠤᠯᠣᠨ ᠬᠦᠭᠵᠢᠬᠦᠯᠬᠦ᠂ ᠬᠤᠪᠢᠰᠬᠠᠯᠳᠤ ᠬᠦᠮᠤᠵᠢᠯ ᠤᠨ ᠪᠡᠯᠡᠭ ᠳᠡᠪᠰᠢᠬᠦᠯᠬᠦ ᠢᠨᠵᠧᠨᠧᠷᠢᠩ᠂ | ᠶᠠᠳᠠᠭᠤ ᠶᠢ ᠲᠡᠳᠬᠦᠬᠦ ᠠᠵᠢᠯ ᠵᠡᠷᠭᠡ ᠬᠤᠰᠢᠭᠤ ᠨᠠᠮ ᠵᠠᠰᠠᠭ ᠤᠨ ᠴᠢᠬᠤᠯᠠ ᠰᠢᠢᠳᠪᠦᠷᠢ ᠪᠠᠶᠢᠷᠢᠯᠠᠭᠤᠯᠤᠯᠳᠠ ᠶᠢ | ᠭᠤᠣᠯᠳᠠᠯᠭᠠᠳᠠᠢ ᠠᠳᠬᠤᠨ᠎ᠠ᠃ | ᠭᠤᠷᠪᠠ ᠳᠤ ᠰᠠᠬᠢᠯᠭ᠎ᠠ ᠪᠠᠳᠣ ᠶᠢ ᠴᠢᠩᠳᠡᠯᠡᠵᠤ᠂ ᠦᠷ᠎ᠡ ᠠᠰᠢᠭ ᠢ ᠲᠡᠭᠡᠭᠰᠢᠯᠡᠭᠦᠯᠦᠨ᠎ᠠ᠃ ᠡᠳ᠋ ᠤᠨ ᠵᠠᠰᠠᠭ | ᠠᠵᠣ ᠠᠬᠤᠢ ᠶᠢᠨ ᠰᠠᠬᠢᠯᠭ᠎ᠠ ᠶᠢ ᠣᠯᠠᠮ ᠴᠢᠩᠳᠡᠯᠡᠵᠤ᠂ ᠡᠳ᠋ ᠤᠨ ᠵᠠᠰᠠᠭ ᠤᠨ ᠲᠦᠰᠦᠪ ᠪᠠ ᠭᠦᠢᠴᠡᠳᠬᠡᠯ᠂ ᠡᠯ᠎ᠡ | ᠰᠠᠯᠠᠭ᠎ᠠ ᠮᠦᠴᠢᠷ ᠤᠨ ᠲᠦᠰᠦᠪ ᠪᠠ ᠭᠦᠢᠴᠡᠳᠬᠡᠯ᠂ ︽ᠭᠤᠷᠪᠠᠨ ᠠᠯᠪᠠᠨ︾ ᠵᠠᠷᠣᠳᠠᠯ ᠤᠨ ᠲᠦᠰᠦᠪ ᠪᠠ | ᠭᠦᠢᠴᠡᠳᠬᠡᠯ ᠢ ᠬᠠᠤᠯᠢ ᠲᠣᠭᠳᠠᠭᠠᠯ ᠶᠣᠰᠣᠭᠠᠷ ᠴᠠᠭ ᠲᠣᠬᠠᠢ ᠳᠤ ᠨᠢ ᠢᠯᠡᠰᠢᠭᠦᠯᠦᠨᠡ᠃ ᠡᠳ᠋ ᠤᠨ ᠵᠠᠰᠠᠭ ᠤᠨ | ᠪᠡᠯᠡ ᠮᠦᠩᠭᠦ ᠶᠢᠨ ᠨᠢᠭᠡᠳᠦᠯᠳᠡᠢ ᠲᠦᠯᠦᠪᠵᠢᠭᠦᠯᠦᠭᠰᠡᠨ ᠬᠡᠷᠡᠭᠯᠡᠯᠳᠠ ᠶᠢ ᠠᠬᠢᠭᠤᠯᠵᠣ᠂ ᠡᠳ᠋ ᠤᠨ ᠵᠠᠰᠠᠭ ᠤᠨ | ᠬᠠᠳᠠᠭᠠᠯᠠᠯᠳᠠ ᠪᠡᠯᠡ ᠮᠦᠩᠭᠦ ᠶᠢ ᠠᠮᠢᠳᠣᠯᠢᠭᠵᠢᠭᠤᠯᠵᠣ᠂ ᠡᠳ᠋ ᠤᠨ ᠵᠠᠰᠠᠭ ᠤᠨ ᠬᠠᠮᠢᠶᠠᠷᠣᠯᠳᠠ ᠶᠢᠨ ᠦᠷ᠎ᠡ | ᠪᠦᠳᠦᠮᠵᠢ ᠶᠢᠨ ᠶᠡᠷᠦᠩᠬᠡᠶᠢᠯᠡᠭᠰᠡᠨ ᠦᠨᠡᠯᠡᠯᠳᠠ ᠶᠢ ᠬᠡᠷᠡᠭᠵᠢᠭᠦᠯᠵᠣ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ | ᠠᠰᠢᠭ ᠢ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ | ︵ᠭᠤᠷᠪᠠ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ | 2017 ᠣᠨ ᠳᠤ ᠲᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ ᠢ 19.5 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 8% ᠦᠰᠬᠡᠨ᠎ᠠ ︵ᠱᠠᠩᠬᠠᠢ | ᠶᠢᠨ ᠰᠦᠮ᠎ᠠ ᠨᠡᠬᠡᠬᠡᠯᠳᠠ ᠶᠢᠨ ᠤᠷᠤᠨ ᠤ 1.1 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠪᠠᠭᠳᠠᠭᠠᠨ᠎ᠠ︶᠂ | ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ ᠬᠤᠪᠢᠶᠠᠷᠢᠯᠠᠯ ᠤᠨ ᠤᠷᠤᠯᠭ᠎ᠠ ᠶᠢᠨ ᠲᠦᠷᠤᠯ ᠵᠦᠢᠯ ᠪᠤᠯ᠄ | ⑴ ᠭᠠᠶᠢᠯᠢ ᠶᠢᠨ ᠤᠷᠤᠯᠭ᠎ᠠ 13 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 27.08% ᠥᠰᠭᠡᠨ᠎ᠡ᠃ | ⑵ ᠭᠠᠶᠢᠯᠢ ᠶᠢᠨ ᠪᠤᠰᠤ ᠤᠷᠤᠯᠭ᠎ᠠ 6.5 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 17.41% | ᠪᠠᠭᠤᠷᠠᠭᠤᠯᠣᠨ᠎ᠠ᠃ | 2. ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠰᠢᠨ᠎ᠡ ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ | ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ 2017 ᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ | ᠲᠦᠰᠤᠪ ᠢ 27.16 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 9. | 19% ᠪᠠᠭᠤᠷᠠᠭᠤᠯᠣᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.96 ᠳ᠋ᠦᠩᠰᠢᠭᠤᠷ ᠲᠦᠬᠦᠷᠢᠭ | ᠤᠨ ᠵᠠᠷᠤᠯᠭ᠎ᠠ ᠶᠢ ᠪᠠᠭᠳᠠᠭᠠᠨ᠎ᠠ︶᠃ | ⑴ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ | ᠲᠦᠰᠤᠪ ᠢ 8.6 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ | ᠤᠨ ᠵᠠᠷᠤᠯᠭ᠎ᠠ ᠶᠢᠨ ᠲᠦᠰᠤᠪ ᠤᠨ 31.66% ᠡᠵᠡᠯᠡᠭᠦᠯᠦᠨ᠎ᠡ︔ ᠠᠯᠪᠠᠨ ᠬᠡᠷᠡᠭᠯᠡᠬᠡᠨ ᠤ ᠪᠠ ᠠᠵᠢᠯ ᠥᠢᠯᠡᠰ ᠤᠨ | ᠵᠠᠷᠤᠳᠠᠯ ᠤᠨ ᠵᠠᠷᠤᠯᠭ᠎ᠠ ᠶᠢᠨ ᠲᠦᠰᠤᠪ ᠢ 5.17 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ | ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 19.04% ᠡᠵᠡᠯᠡᠭᠦᠯᠦᠨ᠎ᠡ︔ ᠲᠦᠷᠤᠯ ᠵᠦᠢᠯ | ᠤᠨ ᠵᠠᠷᠤᠯᠭ᠎ᠠ ᠶᠢᠨ ᠲᠦᠰᠤᠪ ᠢ 13.39 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ | ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 49.3% ᠡᠵᠡᠯᠡᠭᠦᠯᠦᠨ᠎ᠡ᠃ | ⑵ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ | ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 2.21 ᠳ᠋ᠦᠩᠰᠢᠭᠤᠷ ᠲᠦᠬᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ8.14% ᠡᠵᠡᠯᠡᠭᠦᠯᠦᠨ᠎ᠡ︔ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.56 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 2.06% ᠡᠵᠡᠯᠡᠭᠦᠯᠦᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 2.17 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ | ᠤᠨ ᠵᠠᠷᠤᠯᠭ᠎ᠠ ᠶᠢᠨ ᠲᠦᠰᠤᠪ ᠤᠨ 7.99% ᠡᠵᠡᠯᠡᠭᠦᠯᠦᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.44 ᠲᠥᠮᠡᠨ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ | ᠵᠠᠷᠤᠯᠭ᠎ᠠ ᠶᠢᠨ ᠲᠦᠰᠤᠪ ᠤᠨ 1.62% ᠡᠵᠡᠯᠡᠭᠦᠯᠦᠨ᠎ᠡ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.34 ᠳ᠋ᠦᠩᠰᠢᠭᠤᠷ ᠲᠦᠬᠦᠷᠢᠭ᠂ ᠨᠡᠶᠢᠳᠡ | ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 1.25% ᠡᠵᠡᠯᠡᠭᠦᠯᠦᠨ᠎ᠡ︔ | 6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.63 ᠳ᠋ᠦᠩᠰᠢᠭᠤᠷ ᠲᠦᠬᠦᠷᠢᠭ᠂ | ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ6% ᠡᠵᠡᠯᠡᠭᠦᠯᠦᠨ᠎ᠡ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 0.83 ᠳ᠋ᠦᠩᠰᠢᠭᠤᠷ | ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 3.06% ᠡᠵᠡᠯᠡᠭᠦᠯᠦᠨ᠎ᠡ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 360 ᠲᠦᠮᠡᠨ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.15% ᠡᠵᠡᠯᠡᠭᠦᠯᠦᠨ᠎ᠡ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.37 ᠳ᠋ᠦᠩᠰᠢᠭᠤᠷ ᠲᠦᠬᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 1.36% ᠡᠵᠡᠯᠡᠭᠦᠯᠦᠨ᠎ᠡ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.6 ᠳ᠋ᠦᠩᠰᠢᠭᠤᠷ ᠲᠦᠬᠦᠷᠢᠭ᠂ | ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 2.21% ᠡᠵᠡᠯᠡᠭᠦᠯᠦᠨ᠎ᠡ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.27 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.99% ᠡᠵᠡᠯᠡᠭᠦᠯᠦᠨ᠎ᠡ︔ | 12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.18 ᠳ᠋ᠦᠩᠰᠢᠭᠤᠷ | ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.66% ᠡᠵᠡᠯᠡᠭᠦᠯᠦᠨ᠎ᠡ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 268 ᠲᠥᠮᠡᠨ ᠲᠦᠬᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.11% ᠡᠵᠡᠯᠡᠭᠦᠯᠦᠨ᠎ᠡ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 692 ᠲᠥᠮᠨᠨ ᠲᠦᠬᠦᠷᠢᠭ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.26% ᠡᠵᠡᠯᠡᠭᠦᠯᠦᠨ᠎ᠡ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 195 ᠲᠦᠮᠡᠨ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.07% ᠡᠵᠡᠯᠡᠭᠦᠯᠦᠨ᠎ᠡ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 138 ᠲᠥᠮᠡᠨ ᠲᠦᠬᠦᠷᠢᠭ᠂ ᠨᠡᠶᠢᠳᠡ ᠶᠢᠨ ᠡᠳ᠋ | ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 0.04% ᠡᠵᠡᠯᠡᠭᠦᠯᠦᠨ᠎ᠡ︔ | 17︶ ᠪᠡᠯᠡᠤᠨᠬᠡᠯ ᠵᠠᠷᠤᠳᠠᠯ 0.3 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ | ᠶᠢᠨ ᠲᠦᠰᠤᠪ ᠤᠨ 1.1% ᠡᠵᠡᠯᠡᠭᠦᠯᠦᠨ᠎ᠡ︔ | 18︶ ᠪᠤᠰᠤᠤᠨ ᠵᠠᠷᠤᠯᠭ᠎ᠠ 17.09 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ | ᠵᠠᠷᠤᠯᠭ᠎ᠠ ᠶᠢᠨ ᠲᠦᠰᠤᠪ ᠤᠨ 62.93% ᠡᠵᠡᠯᠡᠭᠦᠯᠦᠨ᠎ᠡ︔ ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ | ᠵᠠᠷᠤᠯᠭ᠎ᠠ 0.96 ᠳ᠋ᠥᠩᠰᠢᠭᠤᠷ ᠲᠥᠭᠦᠷᠢᠭ︔ ᠲᠠᠩᠰᠠᠯᠠᠭᠤᠯᠣᠭᠰᠠᠨ ᠪᠡᠯᠡ ᠮᠦᠩᠭᠦ 5.07 ᠳ᠋ᠥᠩᠰᠢᠭᠤᠷ | ᠲᠥᠭᠦᠷᠢᠭ︔ ᠬᠤᠪᠢᠰᠬᠠᠯᠳᠦ ᠵᠢᠭᠤᠯᠴᠢᠯᠠᠯ᠂ ᠳ᠋ᠠᠶᠢᠲᠨ ᠲᠦᠪ ᠵᠡᠷᠭᠡ ᠭᠤᠣᠯᠳᠠᠯᠭᠠᠳᠦ ᠢᠨᠵᠧᠨᠧᠷᠢᠩ ᠲᠤ 1.9 | ᠳ᠋ᠥᠩᠰᠢᠭᠤᠷ ᠲᠥᠭᠦᠷᠢᠭ︔ ᠨᠠᠰᠤᠵᠢᠯ ᠤᠨ ᠲᠠᠭᠠᠳᠬᠠᠯ ᠤᠨ ᠥᠢᠯᠡᠰ᠂ ᠠᠯᠪᠠᠨ ᠲᠡᠷᠭᠡ᠂ ᠭᠡᠷ ᠪᠠᠶᠢᠰᠢᠩ ᠤᠨ | ᠥᠭᠡᠷᠡᠴᠢᠯᠡᠯᠳᠡ ᠶᠢᠨ ᠨᠥᠭᠦᠪᠥᠷᠢ᠂ ᠠᠮᠠᠷᠠᠯᠳᠠ ᠶᠢᠨ ᠨᠦᠬᠦᠪᠦᠷᠢ᠂ ᠴᠠᠯᠢᠩ ᠦᠰᠭᠡᠬᠦ᠂ ᠭᠠᠴᠠᠭ᠎ᠠ ᠲᠣᠰᠬᠤᠨ ᠳᠤ | ᠪᠠᠶᠢᠩᠭᠤ ᠰᠠᠭᠤᠭ᠎ᠠ ᠺᠠᠳ᠋ᠷ᠂ ᠲᠣᠣᠷᠵᠢᠯ ᠬᠠᠮᠢᠶᠠᠷᠣᠯᠳᠠ ᠶᠢᠨ ᠭᠡᠰᠢᠭᠦᠨ ᠤ ᠴᠠᠯᠢᠩ ᠳᠤ 2.6 ᠳ᠋ᠥᠩᠰᠢᠭᠤᠷ | ᠲᠥᠭᠦᠷᠢᠭ︔ ᠲᠣᠯᠠᠭᠠᠯᠠᠭ᠎ᠠ ᠶᠢᠨ ᠵᠠᠷᠣᠳᠠᠯ ᠳᠤ 0.28 ᠳ᠋ᠥᠩᠰᠢᠭᠤᠷ ᠲᠥᠭᠦᠷᠢᠭ︔ ᠪᠦᠬᠦ ᠣᠯᠣᠰ ᠤᠨ | ᠪᠣᠯᠪᠠᠰᠣᠨ ᠬᠤᠳᠠ ᠶᠢᠨ ᠴᠣᠭᠴᠠᠯᠠᠯᠳᠡ ᠳᠤ 0.2 ᠳ᠋ᠥᠩᠰᠢᠭᠤᠷ ᠲᠥᠭᠦᠷᠢᠭ︔ ᠨᠠᠷᠢᠯᠢᠭ ᠣᠨᠣᠪᠴᠢᠳᠠᠢ ᠶᠠᠳᠠᠭᠤ | ᠶᠢ ᠲᠡᠳᠬᠦᠬᠦ ᠪᠠ ᠨᠡᠭᠦᠯᠭᠡᠨ ᠰᠢᠯᠵᠢᠭᠦᠯᠵᠣ ᠲᠡᠳᠬᠦᠬᠦ ᠳᠤ 600 ᠲᠦᠮᠡᠨ ᠲᠥᠭᠦᠷᠢᠭ︔ ᠣᠶᠣᠨᠴᠢ ᠨᠠᠮ ᠤᠨ | ᠪᠠᠶᠢᠭᠤᠯᠣᠯᠳᠠ ᠳᠤ 800 ᠲᠦᠮᠡᠨ ᠲᠥᠭᠦᠷᠢᠭ︔ ᠲᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠲᠣᠰᠬᠠᠢ | ᠲᠦᠷᠦᠯ ᠪᠠ ᠬᠤᠷᠠᠯ ᠤᠨ ᠰᠢᠢᠳᠪᠦᠷᠢ 4.03 ᠳ᠋ᠥᠩᠰᠢᠭᠤᠷ ᠲᠥᠭᠦᠷᠢᠭ︔ ᠲᠡᠭᠡᠭᠰᠢ ᠲᠤᠰᠢᠶᠠᠬᠤ ᠵᠠᠷᠤᠯᠭ᠎ᠠ 500 | ᠲᠦᠮᠡᠨ ᠲᠥᠭᠦᠷᠢᠭ︔ ᠠᠷᠠᠳ ᠢ ᠬᠠᠷᠠᠭᠠᠯᠵᠠᠬᠤ ᠢᠨᠵᠧᠨᠧᠷᠢᠩ ᠲᠤ 0.3 ᠳ᠋ᠥᠩᠰᠢᠭᠤᠷ ᠲᠥᠭᠦᠷᠢᠭ︔ ᠬᠤᠷᠠᠯ | ᠤᠨ ᠵᠠᠷᠤᠯᠭ᠎ᠠ᠂ ᠪᠤᠯᠪᠠᠰᠤᠷᠠᠯ ᠤᠨ ᠵᠠᠷᠤᠯᠭ᠎ᠠ᠂ ᠵᠠᠮ ᠤᠨ ᠵᠠᠷᠤᠳᠠᠯ᠂ ᠨᠡᠶᠢᠭᠡᠮᠯᠢᠭ ᠤᠨ ᠠᠵᠢᠯᠯᠠᠮᠵᠢ ᠶᠢᠨ ᠵᠠᠷᠣᠯᠭ᠎ᠠ᠂ | ᠲᠣᠬᠤᠨᠢᠭᠤᠯᠭ᠎ᠠ᠂ ᠭᠠᠶᠢᠯᠢ ᠶᠢᠨ ᠪᠣᠰᠣ ᠨᠦᠬᠦᠪᠦᠷᠢᠯᠡᠯ ᠤᠨ ᠠᠵᠢᠯ ᠣᠶᠢᠯᠠᠰ ᠤᠨ ᠵᠠᠷᠣᠯᠭ᠎ᠠ᠂ ︽ᠨᠢᠭᠡ ᠬᠡᠷᠡᠭ ᠢ | ᠨᠢᠭᠡ ᠵᠦᠪᠯᠡᠬᠦ︾᠂ ᠡᠯᠧᠺᠲᠷᠣᠨ ᠠᠷᠠᠯᠵᠢᠶᠠᠨ ᠤ ᠬᠦᠭᠵᠢᠯᠳᠠ᠂ ᠰᠡᠯᠪᠢᠯᠳᠡ ᠶᠢᠨ ᠵᠠᠷᠤᠳᠠᠯ᠂ ᠵᠠᠰᠠᠭ ᠤᠨ ᠤᠷᠳᠤᠨ | ᠤ ᠬᠤᠳᠠᠯᠳᠤᠨ ᠠᠪᠬᠤ ᠠᠵᠢᠯ᠂ ᠵᠠᠰᠠᠭ ᠤᠨ ᠣᠷᠳᠣᠨ ᠠᠴᠠ ᠨᠡᠶᠢᠳᠡ ᠶᠢᠨ ᠣᠶᠢᠯᠡᠴᠢᠯᠡᠭᠡ ᠬᠤᠳᠠᠯᠳᠣᠨ ᠠᠪᠬᠤ | ᠠᠵᠢᠯ ᠤᠨ ᠵᠠᠷᠤᠳᠠᠯ ᠵᠡᠷᠭᠡ 1.25 ᠳ᠋ᠥᠩᠰᠢᠭᠤᠷ ᠲᠥᠭᠦᠷᠢᠭ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ | ᠵᠠᠷᠤᠳᠠᠯ ᠪᠠ ᠲᠥᠭᠦᠷ ᠵᠠᠷᠤᠳᠠᠯ 0.21 ᠳ᠋ᠥᠩᠰᠢᠭᠤᠷ ᠲᠥᠭᠦᠷᠢᠭ︔ ᠣᠯᠣᠰ ᠤᠨ ᠮᠦᠩᠭᠦᠨ ᠤ ᠬᠦᠮᠦᠷᠭᠡ | ᠠᠵᠢᠯᠯᠠᠮᠵᠢ ᠶᠢᠨ ᠵᠠᠷᠣᠳᠠᠯ᠂ ᠭᠠᠶᠢᠯᠢ ᠲᠠᠳᠠᠪᠦᠷᠢᠯᠠᠨ ᠬᠠᠮᠢᠶᠠᠷᠬᠤ ᠵᠠᠷᠣᠳᠠᠯ ᠵᠡᠷᠭᠡ ᠳᠤ 0.1 ᠳ᠋ᠥᠩᠰᠢᠭᠤᠷ | ᠲᠥᠭᠦᠷᠢᠭ ᠢ ᠪᠠᠭᠳᠠᠭᠠᠨ᠎ᠠ᠃ | ⑶ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠥᠰᠥᠪ ᠤᠨ ᠲᠡᠩᠴᠡᠭᠦᠷᠢᠰᠢᠭᠦᠯᠥᠯᠳᠡ | ᠶᠢᠨ ᠪᠠᠶᠢᠳᠠᠯ | 2017 ᠤᠨ ᠳᠤ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠥᠰᠥᠪ ᠢ 27.35 ᠳ᠋ᠥᠩᠰᠢᠭᠤᠷ | ᠲᠥᠭᠦᠷᠢᠭ ᠢᠶᠠᠷ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠥᠰᠥᠪ ᠢ 27.16 | ᠳ᠋ᠥᠩᠰᠢᠭᠤᠷ ᠲᠥᠭᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ 0.19 ᠳ᠋ᠥᠩᠰᠢᠭᠤᠷ ᠲᠥᠭᠦᠷᠢᠭ ᠥᠯᠡᠳᠡᠪᠥᠷᠢ ᠲᠠᠢ | ᠪᠤᠯᠭᠠᠨ᠎ᠠ᠃ | ︵ᠲᠦᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ ᠢ ︽ᠤᠷᠤᠯᠭ᠎ᠠ ᠪᠠᠷ ᠵᠠᠷᠤᠯᠭ᠎ᠠ ᠶᠢ | ᠳᠤᠭᠳᠠᠭᠠᠬᠤ᠂ ᠳᠤᠰᠬᠠᠢ ᠵᠤᠭᠤᠰ ᠢ ᠳᠤᠰᠬᠠᠢ ᠬᠡᠷᠡᠭᠯᠡᠬᠦ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠬᠦ︾ ᠵᠠᠷᠴᠢᠮ | ᠢ ᠦᠨᠳᠤᠰᠤᠯᠡᠨ ᠳᠤᠭᠳᠠᠭᠠᠨ᠎ᠠ᠃ | 1. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ | 2017 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 3.24 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 22.73% | ᠦᠰᠭᠡᠨ᠎ᠡ᠃ ᠡᠬᠦᠨ ᠳᠤ᠂ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ | ᠤᠷᠤᠯᠭ᠎ᠠ 2.96 ᠳ᠋ᠦᠩᠰᠢᠭᠤᠷ ᠲᠦᠬᠦᠷᠢᠭ᠂ ᠨᠢᠳᠤᠨᠤᠨ ᠤ ᠲᠦᠰᠤᠪ ᠠᠴᠠ 112.95% ᠦᠰᠬᠡᠨ᠎ᠠ︔ | ᠲᠡᠭᠡᠷ᠎ᠡ ᠵᠢᠯ ᠤᠨ ᠦᠯᠡᠳᠡᠪᠤᠷᠢ ︵ᠲᠣᠰᠬᠠᠢ ᠲᠦᠷᠦᠯ︶ 0.28 ᠳ᠋ᠦᠩᠰᠢᠭᠤᠷ ᠲᠦᠬᠦᠷᠢᠭ᠃ | 2. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ | 2017 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 3.24 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 113.16% | ᠦᠰᠭᠡᠨ᠎ᠡ᠃ | ︵ᠲᠠᠪᠤ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠲᠦᠰᠤᠪ | 2017 ᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠵᠠᠷᠣᠯᠭ᠎ᠠ ᠶᠢᠨ ᠲᠦᠰᠤᠪ ᠢ 1. | 45 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 15.2% | ᠪᠠᠭᠤᠷᠠᠭᠤᠯᠤᠨ᠎ᠠ᠃ ᠡᠬᠦᠨ ᠳᠤ᠂ ᠨᠠᠰᠤᠵᠢᠯ ᠤᠨ ᠳᠠᠭᠠᠤᠨᠬᠠᠯ 0.88 ᠳ᠋ᠦᠩᠰᠢᠭᠤᠷ ᠲᠦᠬᠦᠷᠢᠭ᠂ 22.81% | ᠪᠠᠭᠤᠷᠠᠭᠤᠯᠤᠨ᠎ᠠ︔ ᠠᠵᠢᠯ ᠠᠯᠳᠠᠭᠰᠠᠤᠨ ᠤᠨ ᠳᠠᠭᠠᠤᠨᠬᠠᠯ 669 ᠲᠥᠮᠡᠨ ᠲᠦᠬᠦᠷᠢᠭ᠂ 2.92% | ᠨᠡᠮᠡᠭᠳᠡᠭᠦᠯᠦᠨ᠎ᠡ︔ ᠡᠮ ᠡᠮᠨᠡᠯᠬᠡ ᠶᠢᠨ ᠳᠠᠭᠠᠤᠨᠬᠠᠯ 0.45 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠲᠠᠢ ᠠᠳᠠᠯᠢ | ᠪᠠᠶᠢᠯᠭᠠᠨ᠎ᠠ︔ ᠠᠵᠢᠯ ᠤᠨ ᠬᠡᠮᠳᠤᠯ ᠤᠨ ᠳᠠᠭᠠᠤᠨᠬᠠᠯ 398 ᠲᠥᠮᠡᠨ ᠲᠦᠬᠦᠷᠢᠭ᠂ 45.26% ᠨᠡᠮᠡᠭᠳᠡᠭᠦᠯᠦᠨ᠎ᠡ︔ | ᠬᠦᠩᠬᠡᠵᠢᠯ ᠤᠨ ᠳᠠᠭᠠᠤᠨᠬᠠᠯ 218 ᠲᠥᠮᠡᠨ ᠲᠦᠬᠦᠷᠢᠭ᠂ 18.96% ᠪᠠᠭᠤᠷᠠᠭᠤᠯᠤᠨ᠎ᠠ᠃ | ᠭᠤᠷᠪᠠ᠂ 2017 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ | 2017 ᠣᠨ ᠤ ᠡᠳ᠋ ᠤᠨ ᠵᠠᠰᠠᠭ ᠤᠨ ᠲᠦᠰᠦᠪ ᠢ ᠣᠷᠣᠭᠰᠢᠳᠠᠢ ᠬᠦᠭᠵᠢᠭᠦᠯᠬᠦ ᠶᠢᠨ ᠲᠣᠰᠠᠳᠠ᠂ ᠪᠢᠳᠡ | ᠲᠣᠣᠷᠠᠬᠢ ᠲᠠᠪᠣᠨ ᠲᠠᠯ᠎ᠠ ᠶᠢᠨ ᠠᠵᠢᠯ ᠢ ᠭᠤᠣᠯᠳᠠᠯᠭᠠᠳᠠᠢ ᠰᠠᠶᠢᠨ ᠠᠳᠬᠤᠨ᠎ᠠ᠃ | ︵ᠨᠢᠭᠡ︶ ᠬᠦᠴᠢᠷ ᠪᠡᠷᠬᠡ ᠶᠢ ᠢᠯᠠᠨ᠂ ᠡᠳ᠋ ᠤᠨ ᠵᠠᠰᠠᠭ ᠤᠨ ᠣᠷᠣᠯᠭ᠎ᠠ ᠶᠢ ᠰᠠᠶᠢᠳᠦᠷ ᠠᠳᠬᠤᠨ᠎ᠠ᠃ ᠨᠢᠭᠡ ᠳᠤ | ᠣᠯᠣᠰ ᠤᠨ ᠭᠠᠶᠢᠯᠢ ᠶᠢᠨ ᠲᠦᠷᠢᠮ ᠤᠨ ᠦᠭᠡᠷᠡᠴᠢᠯᠡᠯᠳᠡ ᠶᠢᠨ ᠬᠠᠨᠳᠣᠰᠢ ᠶᠢ ᠰᠠᠶᠢᠳᠦᠷ ᠠᠩᠬᠠᠷᠴᠦ᠂ | ᠭᠤᠣᠯᠳᠠᠯᠭᠠᠳᠦ ᠬᠦᠷᠢᠶ᠎ᠡ ᠴᠠᠷᠠᠭ᠎ᠠ᠂ ᠭᠤᠣᠯᠳᠠᠯᠭᠠᠳᠦ ᠠᠵᠢᠯ ᠲᠦᠷᠦᠯ ᠤᠨ ᠭᠠᠶᠢᠯᠢ ᠶᠢᠨ ᠰᠣᠷᠪᠣᠯᠵᠢ ᠶᠢᠨ | ᠬᠦᠳᠡᠯᠦᠩᠭᠦᠢ ᠵᠠᠳᠠᠯᠣᠯᠳᠠ᠂ ᠭᠠᠶᠢᠯᠢ ᠶᠢᠨ ᠲᠠᠯᠳᠠ ᠰᠣᠷᠪᠣᠯᠵᠢ᠂ ᠲᠠᠷᠬᠠᠢ ᠪᠣᠳᠠᠷᠬᠠᠢ ᠭᠠᠶᠢᠯᠢ ᠶᠢᠨ ᠡᠬᠢ ᠶᠢᠨ | ᠬᠠᠮᠢᠶᠠᠷᠣᠯᠳᠠ ᠶᠢ ᠴᠢᠩᠭᠠᠳᠬᠠᠵᠣ᠂ ᠭᠠᠶᠢᠯᠢ ᠲᠠᠳᠠᠪᠦᠷᠢᠯᠠᠯᠳᠡ ᠶᠢᠨ ᠲᠣᠰᠬᠠᠢ ᠪᠠᠶᠢᠴᠠᠭᠠᠯᠳᠠ ᠪᠣᠯᠣᠨ ᠭᠠᠶᠢᠯᠢ ᠶᠢᠨ | ᠶᠠᠪᠣᠳᠠᠯ ᠤᠨ ᠮᠦᠷᠳᠡᠨ ᠪᠠᠶᠢᠴᠠᠭᠠᠯᠳᠡ ᠶᠢ ᠴᠢᠩᠭᠠᠳᠬᠠᠨ᠂ ᠬᠠᠣᠯᠢ ᠲᠣᠭᠳᠠᠭᠠᠯ ᠶᠣᠰᠣᠭᠠᠷ ᠣᠷᠣᠯᠭ᠎ᠠ | ᠲᠠᠳᠠᠪᠦᠷᠢᠯᠠᠬᠤ ᠬᠦᠴᠦᠯᠡᠴᠡ᠂ ᠴᠢᠭᠯᠡᠯ ᠢ ᠡᠵᠡᠮᠳᠡᠵᠣ᠂ ᠲᠠᠳᠠᠪᠦᠷᠢᠯᠠᠪᠠᠰᠦ ᠵᠣᠬᠢᠬᠤ ᠶᠢ ᠴᠦᠮ ᠲᠠᠳᠠᠪᠦᠷᠢᠯᠠᠬᠤ ᠶᠢ | ᠪᠠᠳᠣᠯᠠᠨ᠎ᠠ᠃ ᠬᠤᠶᠠᠷ ᠲᠤ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠨᠢᠭᠳᠠ ᠬᠠᠷᠢᠯᠴᠠᠨ | ᠬᠠᠮᠵᠢᠯᠴᠠᠵᠣ᠂ ᠲᠠᠳᠠᠪᠦᠷᠢᠯᠠᠬᠤ ᠡᠷᠴᠢᠮ ᠢᠶᠠᠨ ᠴᠢᠩᠭᠠᠳᠬᠠᠨ᠂ ᠰᠢᠨ᠎ᠡ ᠬᠡᠪ ᠪᠠᠶᠢᠳᠠᠯ ᠲᠣᠣᠷᠠᠬᠢ ᠡᠳ᠋ ᠤᠨ ᠵᠠᠰᠠᠭ | ᠭᠠᠶᠢᠯᠢ ᠶᠢᠨ ᠶᠠᠪᠣᠳᠠᠯ ᠤᠨ ᠠᠵᠢᠯ ᠲᠠᠢ ᠰᠠᠨᠠᠭᠠᠴᠢᠯᠠᠭ᠎ᠠ ᠲᠠᠢ ᠵᠣᠬᠢᠴᠠᠵᠣ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ | ᠤᠨ ᠲᠦᠷᠦ ᠶᠢᠨ ᠪᠣᠳᠣᠯᠭ᠎ᠠ ᠶᠢ ᠢᠳᠡᠪᠬᠢᠳᠡᠢ ᠰᠣᠳᠣᠯᠣᠨ᠂ ᠬᠤᠪᠢᠰᠬᠠᠯᠳᠦ ᠵᠢᠭᠤᠯᠴᠢᠯᠠᠯ᠂ ᠣᠳᠣ ᠦᠶ᠎ᠡ ᠶᠢᠨ | ᠪᠣᠳᠠᠰ ᠤᠨ ᠭᠦᠢᠯᠭᠡᠭᠡ ᠵᠡᠷᠭᠡ ᠰᠢᠨ᠎ᠡ ᠬᠡᠯᠪᠡᠷᠢ ᠶᠢᠨ ᠭᠤᠷᠪᠠᠳᠦᠭᠠᠷ ᠠᠵᠣ ᠣᠶᠢᠯᠠᠰ ᠤᠨ ᠡᠳ᠋ ᠤᠨ ᠢᠷᠡᠯᠳᠡ ᠶᠢ | ᠪᠣᠶᠢᠵᠠᠭᠤᠯᠵᠣ᠂ ᠡᠳ᠋ ᠤᠨ ᠢᠷᠡᠯᠳᠡ ᠶᠢᠨ ᠰᠢᠰᠲ᠋ᠧᠮ ᠢ ᠲᠠᠰᠣᠷᠠᠯᠳᠠ ᠦᠭᠡᠢ ᠪᠣᠵᠠᠭᠠᠶᠢᠷᠠᠭᠤᠯᠣᠨ᠂ ᠡᠳ᠋ ᠤᠨ | ᠢᠷᠡᠯᠳᠡ ᠶᠢᠨ ᠰᠠᠭᠤᠷᠢ ᠶᠢ ᠪᠠᠬᠢᠵᠢᠭᠦᠯᠦᠨ᠎ᠡ᠃ ᠡᠭᠦᠨ ᠤ ᠬᠠᠮᠳᠦ᠂ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ | ᠡᠯ᠎ᠡ ᠰᠠᠯᠠᠭ᠎ᠠ ᠮᠦᠴᠢᠷ ᠢ ᠢᠳᠡᠪᠬᠢᠳᠡᠢ ᠵᠣᠬᠢᠴᠠᠭᠤᠯᠣᠨ ᠬᠤᠪᠢᠰᠬᠠᠯᠳᠦ ᠬᠦᠮᠦᠵᠢᠯ ᠤᠨ ᠢᠨᠵᠧᠨᠧᠷᠢᠩ ᠤᠨ ᠲᠦᠷᠦᠯ | ᠵᠣᠶᠢᠯ᠂ ᠲᠣᠰᠬᠠᠢ ᠪᠡᠯᠡ ᠮᠦᠩᠭᠦ ᠵᠡᠷᠭᠡ ᠲᠠᠯ᠎ᠠ ᠪᠠᠷ ᠲᠡᠭᠡᠳᠦ ᠱᠠᠳᠣᠨ ᠤ ᠡᠳ᠋ ᠤᠨ ᠬᠦᠴᠦᠨ ᠪᠠ ᠲᠦᠷᠦᠯ ᠵᠣᠶᠢᠯ | ᠤᠨ ᠲᠡᠮᠵᠢᠯᠭᠡ ᠶᠢ ᠴᠢᠷᠮᠠᠶᠢᠨ ᠣᠯᠣᠨ᠎ᠠ᠃ ᠭᠤᠷᠪᠠ ᠳᠤ᠂ ᠦᠩᠭᠡᠷᠡᠭᠰᠡᠨ ᠵᠢᠯ ᠤᠳ ᠤᠨ ᠭᠠᠶᠢᠯᠢ ᠶᠢᠨ ᠦᠷᠢ᠂ | ᠨᠠᠭᠦᠷᠡᠰᠣᠨ ᠡᠬᠢ ᠰᠣᠷᠪᠣᠯᠵᠢ ᠶᠢᠨ ᠦᠨ᠎ᠡ ᠬᠠᠩᠰᠢ ᠶᠢᠨ ᠵᠣᠭᠤᠰ ᠢ ᠪᠦᠬᠦ ᠬᠦᠴᠣᠨ ᠢᠶᠠᠷ ᠲᠠᠳᠠᠪᠦᠷᠢᠯᠠᠵᠣ᠂ ᠭᠠᠵᠠᠷ | ᠰᠢᠷᠣᠢ ᠰᠢᠯᠵᠢᠭᠦᠯᠬᠦ᠂ ᠨᠦᠭᠡᠴᠡ ᠬᠦᠷᠦᠩᠭᠡ ᠶᠢ ᠰᠢᠢᠳᠪᠦᠷᠢᠯᠡᠬᠦ᠂ ᠲᠠᠮᠣᠷ ᠵᠠᠮ᠂ ᠵᠠᠰᠠᠮᠠᠯ ᠵᠠᠮ᠂ ᠨᠢᠰᠭᠡᠯ ᠤᠨ | ᠪᠠᠭᠤᠳᠠᠯ ᠤᠨ ᠪᠠᠶᠢᠭᠤᠯᠣᠯᠳᠠ ᠵᠡᠷᠭᠡ ᠴᠢᠬᠤᠯᠠ ᠶᠡᠭᠡ ᠲᠦᠷᠦᠯ ᠵᠣᠶᠢᠯ ᠤᠨ ᠪᠡᠯᠡ ᠣᠷᠣᠭᠤᠯᠣᠯᠳᠠ ᠶᠢᠨ ᠶᠠᠪᠣᠴᠠ | ᠳᠠᠬᠢ ᠭᠠᠶᠢᠯᠢ ᠵᠠᠷᠣᠳᠠᠯ ᠢ ᠰᠠᠶᠢᠳᠦᠷ ᠠᠳᠬᠤᠵᠣ᠂ ᠶᠡᠭᠡ ᠪᠠᠭ᠎ᠠ ᠢᠯᠭᠠᠬᠤ ᠦᠭᠡᠢ᠂ ᠭᠠᠶᠢᠯᠢ ᠵᠠᠷᠣᠳᠠᠯ ᠬᠤᠪᠢᠶᠠᠬᠤ | ᠦᠭᠡᠢ ᠠᠳᠬᠤᠵᠣ᠂ ᠣᠷᠣᠯᠭ᠎ᠠ ᠶᠢ ᠲᠤᠭ᠎ᠠ ᠶᠣᠰᠣᠭᠠᠷ ᠲᠡᠩᠴᠡᠭᠦᠷᠢᠳᠡᠢ ᠪᠠᠷ ᠬᠦᠮᠦᠷᠭᠡᠯᠡᠬᠦ ᠶᠢ ᠪᠠᠳᠣᠯᠠᠨ᠎ᠠ᠃ | ︵ᠬᠤᠶᠠᠷ︶ ᠠᠷᠠᠳ ᠤᠨ ᠠᠮᠢᠳᠣᠷᠠᠯ ᠢ ᠪᠠᠳᠣᠯᠠᠵᠣ᠂ ᠡᠳ᠋ ᠤᠨ ᠵᠠᠰᠠᠭ ᠤᠨ ᠵᠠᠷᠣᠯᠭ᠎ᠠ ᠶᠢ | ᠰᠢᠯᠢᠳᠡᠭᠵᠢᠭᠦᠯᠦᠨ᠎ᠡ᠃ ᠠᠵᠢᠯᠴᠢ ᠠᠷᠪᠢᠴᠢ ᠦᠵᠡᠯ ᠰᠠᠨᠠᠭ᠎ᠠ ᠶᠢ ᠪᠠᠳᠦ ᠪᠠᠬᠢ ᠪᠣᠯᠭᠠᠵᠣ᠂ ᠲᠦᠰᠦᠪ ᠲᠣᠭᠳᠠᠭᠠᠬᠤ | ᠠᠴᠠ ᠭᠠᠷᠳᠠᠵᠣ᠂ ︽ᠲᠦᠪ ᠤᠨ ᠨᠠᠢᠮᠠᠨ ᠲᠣᠭᠳᠠᠭᠠᠯ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ︽ᠭᠤᠷᠪᠠ | ᠶᠢ ᠪᠠᠳᠣᠯᠠᠨ ᠬᠤᠶᠠᠷ ᠢ ᠪᠠᠭᠠᠰᠬᠠᠬᠤ︾ ᠵᠠᠷᠴᠢᠮ ᠢ ᠡᠷᠡᠰ ᠬᠡᠷᠡᠭᠵᠢᠭᠦᠯᠵᠣ᠂ ︽ᠭᠤᠷᠪᠠᠨ ᠠᠯᠪᠠᠨ︾ ᠵᠠᠷᠣᠳᠠᠯ ᠵᠡᠷᠬᠡ | ᠡᠩ ᠤᠨ ᠵᠠᠷᠣᠯᠭ᠎ᠠ ᠶᠢ ᠴᠢᠩᠭ᠎ᠠ ᠬᠢᠵᠠᠭᠠᠷᠯᠠᠵᠣ᠂ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠦᠨ᠂ ᠵᠠᠰᠠᠭ | ᠵᠠᠬᠢᠷᠭᠠᠨ ᠤ ᠠᠵᠢᠯᠯᠠᠮᠵᠢ ᠶᠢᠨ ᠦᠪᠡᠷ ᠤᠨ ᠦᠷᠳᠡᠭ ᠢ ᠪᠠᠭᠤᠷᠠᠭᠤᠯᠵᠣ᠂ ᠠᠷᠪᠢᠯᠠᠭᠰᠠᠨ ᠡᠳ᠋ ᠤᠨ ᠵᠠᠰᠠᠭ ᠤᠨ ᠪᠡᠯᠡ | ᠮᠦᠩᠭᠦ ᠪᠠᠨ ᠴᠦᠮ ᠠᠷᠠᠳ ᠤᠨ ᠠᠮᠢᠳᠣᠷᠠᠯ ᠤᠨ ᠪᠠᠳᠣᠯᠠᠭ᠎ᠠ ᠬᠢᠬᠡᠳ ᠨᠡᠶᠢᠭᠡᠮ ᠨᠡᠶᠢᠳᠡ ᠶᠢᠨ ᠣᠶᠢᠯᠠᠴᠢᠯᠡᠭᠡ ᠳᠤ | ᠵᠠᠷᠣᠴᠠᠭᠤᠯᠣᠨ᠎ᠠ᠃ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠵᠣ᠂ ᠠᠷᠠᠳ ᠤᠨ ᠠᠮᠢᠳᠣᠷᠠᠯ ᠢ ᠲᠡᠷᠢᠭᠦᠨ | ᠳᠤ ᠲᠠᠯᠪᠢᠵᠣ᠂ ᠰᠣᠷᠭᠠᠨ ᠬᠦᠮᠦᠵᠢᠯ᠂ ᠰᠣᠶᠣᠯ᠂ ᠡᠮ ᠡᠮᠨᠡᠯᠭᠡ ᠡᠷᠡᠬᠦᠯ ᠬᠠᠮᠠᠭᠠᠯᠠᠯ᠂ ᠨᠡᠶᠢᠭᠡᠮ ᠤᠨ ᠪᠠᠳᠣᠯᠠᠭ᠎ᠠ᠂ | ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠳᠤ ᠪᠡᠯᠡᠭ ᠪᠣᠯᠭᠠᠬᠤ ᠲᠦᠷᠦᠯ ᠵᠣᠶᠢᠯ᠂ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠣᠭᠳᠠᠭᠠᠭᠰᠠᠨ ᠠᠷᠠᠳ ᠢ ᠬᠠᠷᠠᠭᠠᠯᠵᠠᠬᠤ ᠪᠣᠳᠠᠳᠦ | ᠣᠴᠢᠷ ᠪᠣᠯᠣᠨ ᠠᠷᠠᠳ ᠤᠨ ᠠᠮᠢᠳᠣᠷᠠᠯ ᠤᠨ ᠬᠦᠷᠢᠶ᠎ᠡ ᠴᠠᠷᠠᠭ᠎ᠠ ᠳᠠᠬᠢ ᠲᠣᠰᠬᠠᠢ ᠲᠦᠷᠦᠯ ᠤᠨ ᠪᠡᠯᠡ ᠮᠦᠩᠭᠦ | ᠣᠯᠭᠤᠯᠳᠠ ᠵᠡᠷᠭᠡ ᠵᠠᠷᠣᠯᠭ᠎ᠠ ᠶᠢᠨ ᠱᠠᠭᠠᠷᠳᠠᠯᠭ᠎ᠠ ᠶᠢ ᠡᠷᠴᠢᠮᠳᠡᠢ ᠪᠠᠳᠣᠯᠠᠨ᠎ᠠ᠃ ᠠᠷᠠᠳ ᠤᠨ ᠠᠮᠢᠳᠣᠷᠠᠯ ᠤᠨ ᠪᠡᠯᠡ | ᠮᠦᠩᠭᠦᠨ ᠤ ᠵᠠᠷᠣᠯᠭ᠎ᠠ ᠶᠢᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠳᠠᠬᠢ ᠬᠠᠷᠢᠴᠠᠯ ᠢ | 70% ᠠᠴᠠ ᠲᠠᠪᠠᠭᠤᠯᠣᠨ᠂ ᠠᠷᠠᠳ ᠤᠨ ᠠᠮᠢᠳᠣᠷᠠᠯ ᠢ ᠦᠨᠡᠨ ᠬᠦ ᠪᠠᠳᠣᠯᠠᠨ ᠰᠠᠶᠢᠵᠢᠷᠠᠭᠤᠯᠵᠣ᠂ ᠠᠷᠠᠳ ᠤᠨ | ᠠᠮᠢᠳᠣᠷᠠᠯ ᠤᠨ ᠲᠣᠳᠠᠭᠤᠳᠠᠯ ᠢ ᠨᠦᠬᠦᠪᠦᠷᠢᠯᠡᠨ᠎ᠡ᠃ | ︵ᠭᠤᠷᠪᠠ︶ ᠲᠣᠭᠳᠠᠴᠠ ᠶᠢ ᠰᠢᠨᠡᠴᠢᠯᠠᠨ᠂ ᠬᠦᠭᠵᠢᠯᠳᠡ ᠶᠢᠨ ᠴᠢᠳᠠᠮᠵᠢ ᠶᠢ ᠲᠡᠭᠡᠭᠰᠢᠯᠡᠭᠦᠯᠦᠨ᠎ᠡ ᠃ ᠨᠢᠭᠡ | ᠳᠤ᠂ ︽ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ | ᠣᠶᠢᠯᠡᠴᠢᠯᠡᠭᠡ ᠬᠤᠳᠠᠯᠳᠣᠨ ᠠᠪᠬᠤ ᠬᠡᠷᠡᠭᠵᠢᠭᠦᠯᠬᠦ ᠲᠦᠰᠦᠪ︾ ᠶᠣᠰᠣᠭᠠᠷ ᠢᠳᠡᠪᠬᠢᠳᠡᠢ ᠪᠠᠷ ᠨᠡᠶᠢᠭᠡᠮ ᠤᠨ ᠬᠦᠴᠦᠨ | ᠠᠴᠠ ᠠᠳᠠᠯ ᠠᠬᠤᠢ ᠶᠢᠨ ᠬᠠᠮᠢᠶᠠᠷᠣᠯᠳᠠ᠂ ᠬᠤᠳᠠ ᠶᠢᠨ ᠨᠡᠶᠢᠳᠡ ᠶᠢᠨ ᠮᠠᠰᠢᠨ᠂ ᠪᠣᠬᠢᠷ ᠣᠰᠣ ᠰᠢᠢᠳᠪᠦᠷᠢᠯᠡᠬᠦ᠂ | ᠪᠠᠳᠣᠯᠠᠭ᠎ᠠ ᠶᠢᠨ ᠣᠷᠣᠨ ᠰᠠᠭᠤᠴᠠ ᠵᠡᠷᠭᠡ ᠣᠶᠢᠯᠡᠴᠢᠯᠡᠭᠡ ᠬᠤᠳᠠᠯᠳᠣᠨ ᠠᠪᠴᠦ᠂ ᠡᠳ᠋ ᠤᠨ ᠵᠠᠰᠠᠭ ᠤᠨ ᠵᠠᠷᠣᠯᠭ᠎ᠠ | ᠶᠢᠨ ᠲᠠᠷᠣᠭᠠᠰᠦ ᠶᠢ ᠬᠦᠩᠭᠡᠷᠡᠭᠦᠯᠬᠦ ᠶᠢᠨ ᠬᠠᠮᠳᠦ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠲᠦᠷᠦᠯ | ᠵᠣᠶᠢᠯ ᠤᠨ ᠪᠠᠶᠢᠭᠤᠯᠣᠯᠳᠠ ᠶᠢ ᠦᠨᠳᠦᠷ ᠪᠦᠳᠦᠮᠵᠢᠳᠡᠢ ᠠᠬᠢᠭᠤᠯᠣᠨ᠎ᠠ᠃ ᠬᠤᠶᠠᠷ ᠲᠤ᠂ PPP ᠵᠠᠭᠪᠣᠷ ᠢ | ᠲᠡᠯᠭᠡᠷᠡᠭᠦᠯᠦᠨ ᠠᠷᠠᠳ ᠤᠨ ᠪᠡᠯᠡ ᠶᠢ ᠵᠢᠯᠣᠭᠤᠳᠣᠨ ᠵᠠᠰᠠᠭ ᠤᠨ ᠣᠷᠳᠣᠨ ᠤ ᠲᠦᠷᠦᠯ ᠵᠣᠶᠢᠯ ᠤᠨ ᠪᠠᠶᠢᠭᠤᠯᠣᠯᠳᠠ | ᠳᠤ ᠢᠳᠡᠪᠬᠢᠳᠡᠢ ᠣᠷᠣᠯᠴᠠᠭᠤᠯᠵᠣ᠂ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠬᠢᠭᠡᠳ ᠠᠷᠠᠳ ᠤᠨ ᠪᠡᠯᠡ | ᠶᠢᠨ ᠪᠦᠳᠦᠮᠵᠢᠳᠡᠢ ᠠᠭᠤᠰᠣᠯᠴᠠᠯ ᠢ ᠪᠡᠶᠡᠯᠡᠭᠦᠯᠦᠨ᠎ᠡ᠃ ᠣᠣᠯ ᠤᠨ ᠦᠪᠡᠷᠳᠡᠭᠡᠨ ᠵᠠᠰᠠᠬᠤ ᠣᠷᠣᠨ ᠪᠣᠯᠣᠨ ᠬᠤᠳᠠ | ᠶᠢᠨ ᠲᠡᠰ ᠤᠨ PPP ᠲᠠᠭᠤᠷᠢᠶᠠᠯ ᠲᠦᠷᠦᠯ ᠵᠣᠶᠢᠯ ᠢ ᠬᠡᠷᠡᠭᠵᠢᠭᠦᠯᠦᠭᠰᠡᠨ ᠰᠠᠭᠤᠷᠢᠨ ᠲᠡᠭᠡᠷ᠎ᠡ᠂ ᠮᠠᠨ ᠤ | ᠬᠤᠰᠢᠭᠤᠨ ᠤ ᠭᠤᠣᠯᠳᠠᠯᠭᠠᠳᠠᠢ ᠲᠦᠷᠦᠯ ᠵᠣᠶᠢᠯ ᠢ ᠢᠳᠡᠪᠬᠢᠳᠡᠢ ᠵᠢᠯᠣᠭᠤᠳᠣᠨ PPP ᠵᠠᠭᠪᠣᠷ ᠢᠶᠠᠷ | ᠬᠡᠷᠡᠭᠵᠢᠭᠦᠯᠵᠣ᠂ ᠠᠷᠠᠯᠵᠢᠶᠠᠴᠢᠨ ᠣᠷᠢᠵᠣ ᠪᠡᠯᠡ ᠲᠠᠳᠠᠬᠤ ᠡᠷᠴᠢᠮ ᠪᠠ ᠲᠦᠷᠦ ᠶᠢᠨ ᠪᠣᠳᠣᠯᠭ᠎ᠠ ᠶᠢᠨ ᠲᠡᠮᠵᠢᠯᠭᠡ | ᠶᠢᠨ ᠠᠷᠭ᠎ᠠ ᠠᠪᠴᠠᠯ ᠢ ᠴᠢᠩᠭᠠᠷᠠᠭᠤᠯᠬᠤ ᠪᠠᠷ ᠲᠠᠮᠵᠢᠭᠤᠯᠣᠨ᠂ PPP ᠲᠦᠷᠦᠯ ᠵᠣᠶᠢᠯ ᠤᠨ ᠣᠷᠣᠨᠵᠢᠯᠳᠠ ᠶᠢ | ᠲᠦᠷᠭᠡᠳᠬᠡᠨ᠎ᠡ᠃ ᠭᠤᠷᠪᠠ ᠳᠤ᠂ ᠲᠡᠭᠡᠳᠦ ᠱᠠᠳᠣᠨ ᠤ ᠲᠦᠷᠦ ᠶᠢᠨ ᠪᠣᠳᠣᠯᠭ᠎ᠠ ᠲᠠᠢ ᠪᠦᠳᠦᠮᠵᠢᠳᠡᠢ | ᠠᠪᠴᠠᠯᠳᠣᠭᠤᠯᠣᠨ᠂ ᠰᠢᠨᠵᠢᠯᠡᠬᠦ ᠣᠬᠠᠭᠠᠨᠴᠢ ᠵᠦᠢ ᠵᠣᠬᠢᠰᠳᠠᠢ ᠪᠠᠷ ᠠᠵᠣ ᠣᠶᠢᠯᠠᠰ ᠤᠨ ᠰᠠᠭᠤᠷᠢ ᠮᠦᠩᠭᠦ᠂ ᠵᠠᠬ᠎ᠠ | ᠲᠡᠯᠭᠡᠭᠦᠷᠴᠢᠯᠡᠭᠰᠡᠨ ᠰᠠᠭᠤᠷᠢ ᠮᠦᠩᠭᠦ ᠵᠡᠷᠭᠡ ᠪᠡᠯᠡ ᠮᠦᠩᠭᠦ ᠶᠢᠨ ᠡᠷᠬᠢᠯᠳᠡ ᠶᠢᠨ ᠲᠠᠪᠴᠠᠩ ᠪᠠᠶᠢᠭᠤᠯᠵᠣ᠂ ᠪᠦᠬᠦ | ᠬᠤᠰᠢᠭᠤᠨ ᠤ ᠠᠵᠣ ᠣᠶᠢᠯᠠᠰ ᠤᠨ ᠲᠣᠬᠢᠷᠠᠭᠤᠯᠣᠯᠳᠠ ᠪᠣᠯᠣᠨ ᠰᠢᠨ᠎ᠡ ᠶᠢ ᠡᠭᠦᠳᠦᠨ ᠣᠶᠢᠯᠠᠰ ᠪᠣᠰᠬᠠᠬᠤ ᠳᠤ ᠪᠡᠯᠡ | ᠮᠦᠩᠭᠦᠨ ᠤ ᠬᠦᠴᠦᠳᠦ ᠲᠡᠮᠵᠢᠯᠭᠡ ᠬᠠᠩᠭᠠᠨ᠎ᠠ᠃ ᠲᠦᠷᠪᠡ ᠳᠤ᠂ ᠦᠪᠦᠷ ᠮᠣᠩᠭᠤᠯ ᠤᠨ ᠼᠠᠢ ᠰᠢᠨ ᠪᠠᠳᠣᠯᠠᠨ | ᠲᠠᠭᠠᠭᠠᠯᠳᠠ ᠶᠢᠨ ᠺᠣᠮᠫᠠᠨᠢ ᠯᠤᠭ᠎ᠠ ᠶᠢᠨ ᠬᠠᠮᠳᠣᠷᠠᠯᠴᠠᠭ᠎ᠠ ᠪᠠᠨ ᠴᠢᠩᠭᠠᠳᠬᠠᠵᠣ᠂ ᠮᠠᠨ ᠤ ᠬᠤᠰᠢᠭᠤᠨ ᠤ | ᠲᠣᠯᠣᠭᠠᠶᠢᠯᠠᠭᠴᠢ ᠠᠵᠣ ᠠᠬᠤᠶᠢᠯᠠᠯ᠂ ᠬᠠᠮᠳᠣᠷᠠᠯ ᠵᠣᠬᠢᠶᠠᠨ ᠪᠠᠶᠢᠭᠤᠯᠣᠯᠳᠠ᠂ ᠮᠠᠯ ᠲᠠᠷᠢᠶᠠᠯᠠᠩ ᠤᠨ ᠲᠠᠭᠤᠷᠢᠶᠠᠯ | ᠡᠷᠦᠬᠡ᠂ ᠮᠠᠯᠴᠢᠨ ᠲᠠᠷᠢᠶᠠᠴᠢᠳ ᠤᠨ ᠣᠶᠢᠯᠠᠳᠪᠦᠷᠢᠯᠠᠯ ᠢᠶᠠᠨ ᠬᠦᠭᠵᠢᠬᠦᠯᠬᠦ ᠵᠢᠭᠡᠯᠡᠯᠭᠡ ᠳᠤ ᠪᠠᠳᠣᠯᠠᠨ ᠲᠠᠭᠠᠭᠠᠯᠳᠡ | ᠬᠠᠩᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠪᠠᠷ ᠴᠢᠷᠮᠠᠶᠢᠨ᠎ᠠ︔ ᠨᠡᠩ ᠣᠯᠠᠨ ᠪᠠᠩᠬᠢ ᠶᠢ ᠣᠷᠣᠭᠤᠯᠣᠨ | ᠠᠪᠴᠢᠷᠠᠵᠤ᠂ ᠮᠦᠩᠭᠦᠨ ᠭᠦᠢᠯᠭᠡᠭᠡ ᠶᠢᠨ ᠪᠠᠶᠢᠭᠤᠯᠣᠮᠵᠢ ᠯᠤᠭ᠎ᠠ ᠶᠢᠨ ᠬᠠᠮᠳᠣᠷᠠᠯᠴᠠᠭ᠎ᠠ ᠪᠠᠨ ᠦᠷᠭᠡᠳᠬᠡᠵᠣ᠂ | ᠬᠦᠳᠡᠭᠡ ᠲᠣᠰᠬᠤᠨ ᠤ ᠮᠦᠩᠭᠦᠨ ᠭᠦᠢᠯᠭᠡᠭᠡᠨ ᠤ ᠣᠶᠢᠯᠡᠴᠢᠯᠡᠭᠡᠨ ᠤ ᠬᠦᠷᠢᠶ᠎ᠡ ᠴᠠᠷᠠᠭ᠎ᠠ ᠪᠠᠨ ᠦᠷᠭᠡᠳᠭᠡᠨ᠂ | ᠮᠦᠩᠭᠦᠨ ᠭᠦᠢᠯᠭᠡᠭᠡᠨ ᠤ ᠠᠵᠢᠯ ᠲᠦᠷᠦᠯ ᠤᠨ ᠮᠠᠯᠵᠢᠬᠤ ᠲᠠᠷᠢᠶᠠᠯᠠᠬᠤ ᠣᠷᠣᠨ ᠤ ᠠᠵᠣ ᠣᠶᠢᠯᠠᠰ ᠤᠨ ᠬᠦᠭᠵᠢᠯᠳᠡ | ᠪᠣᠯᠣᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢ ᠲᠡᠮᠵᠢᠬᠦ ᠬᠦᠷᠢᠶ᠎ᠡ ᠬᠡᠪᠴᠢᠶ᠎ᠡ | ᠶᠢ ᠦᠷᠭᠡᠳᠬᠡᠨ᠎ᠡ᠃ | ︵ᠲᠦᠷᠪᠠ︶ ᠦᠭᠡᠷᠡᠴᠢᠯᠡᠯᠳᠠ ᠶᠢ ᠭᠦᠨᠵᠡᠭᠡᠶᠢᠷᠡᠬᠦᠯᠵᠣ᠂ ᠲᠣᠭᠳᠠᠴᠠ ᠶᠢ ᠲᠡᠭᠦᠯᠳᠡᠷᠵᠢᠭᠦᠯᠦᠨ᠎ᠡ᠃ ᠨᠢᠭᠡ ᠳᠤ᠂ | ᠲᠦᠰᠦᠪ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠴᠢᠨᠠᠷ ᠲᠠᠢ ᠰᠠᠭᠤᠷᠢ ᠮᠦᠩᠭᠦᠨ ᠤ | ᠲᠦᠰᠦᠪ ᠬᠢᠭᠡᠳ ᠨᠡᠶᠢᠳᠡ ᠶᠢᠨ ᠡᠩ ᠤᠨ ᠲᠦᠰᠦᠪ ᠢ ᠨᠢᠭᠡᠳᠦᠯᠳᠡᠢ ᠲᠦᠯᠦᠪᠵᠢᠭᠦᠯᠬᠦ ᠡᠷᠴᠢᠮ ᠢᠶᠠᠨ ᠴᠢᠩᠭᠠᠳᠬᠠᠵᠣ | ᠂ ᠣᠷᠣᠯᠭ᠎ᠠ ᠵᠠᠷᠣᠯᠭ᠎ᠠ ᠶᠢ ᠴᠦᠮ ᠲᠦᠰᠤᠪ ᠤᠨ ᠬᠠᠮᠢᠶᠠᠷᠤᠯᠳᠠ ᠳᠤ ᠤᠷᠤᠭᠤᠯᠵᠤ᠂ ᠲᠦᠰᠤᠪ ᠢ ᠨᠢᠬᠡᠳᠤᠯᠳᠠᠢ | ᠳᠤᠭᠳᠠᠭᠠᠨ᠂ ᠤᠷᠤᠯᠭ᠎ᠠ ᠶᠢ ᠴᠢᠩᠭ᠎ᠠ ᠠᠤᠨᠬᠤᠵᠤ᠂ ᠵᠠᠷᠤᠯᠭ᠎ᠠ ᠶᠢ ᠪᠠᠳᠤ ᠡᠵᠡᠮᠳᠠᠨ᠂ ᠨᠢᠬᠡᠳᠤᠯᠳᠠᠢ ᠵᠤᠬᠢᠴᠠᠩᠭᠤᠢ᠂ | ᠬᠠᠷᠢᠯᠴᠠᠨ ᠨᠦᠬᠦᠪᠤᠷᠢᠯᠡᠭᠰᠡᠨ ᠪᠦᠷᠢᠨ ᠪᠦᠳᠤᠨ ᠲᠦᠰᠤᠪ ᠤᠨ ᠰᠢᠰᠲ᠋ᠧᠮ ᠢ ᠪᠦᠷᠢᠯᠳᠤᠬᠦᠯᠤᠨ᠎ᠠ᠃ ᠬᠤᠶᠠᠷ ᠲᠤ᠂ | ᠳᠤᠭᠳᠠᠴᠠ ᠶᠢᠨ ᠰᠤᠳᠤᠯᠤᠯᠳᠠ ᠶᠢ ᠴᠢᠩᠭᠠᠤᠨᠬᠠᠨ᠎ᠠ᠃ ᠡᠵᠡᠩᠨᠡᠯᠳᠠ ᠶᠢᠨ ᠭᠠᠶᠢᠯᠢ ᠶᠢ ᠨᠡᠮᠡᠭᠳᠡᠯ ᠤᠨ ᠭᠠᠶᠢᠯᠢ | ᠪᠤᠯᠭᠠᠨ ᠦᠬᠡᠷᠡᠴᠢᠯᠡᠬᠦ ᠰᠢᠯᠵᠢᠯᠳᠠ ᠶᠢᠨ ᠬᠤᠭᠤᠴᠠᠭ᠎ᠠ ᠳᠠᠭᠤᠰᠤᠭᠰᠡᠨ ᠤ ᠳᠠᠷᠠᠭ᠎ᠠ᠂ ᠲᠦᠪ ᠠᠴᠠ ᠠᠵᠢᠯ ᠤᠨ | ᠡᠷᠬᠡ ᠪᠠ ᠡᠳ᠋ ᠤᠨ ᠡᠷᠬᠡ ᠶᠢ ᠳᠠᠬᠢᠨ ᠬᠤᠪᠢᠶᠠᠷᠢᠯᠠᠬᠤ ᠪᠤᠯᠬᠤᠷ ᠪᠢᠳᠠ ᠰᠠᠨᠠᠭᠠᠴᠢᠯᠠᠭ᠎ᠠ ᠲᠠᠢ ᠪᠠᠷ ᠳᠡᠬᠡᠳᠤ ᠱᠠᠳᠤᠨ | ᠤ ᠰᠠᠯᠠᠭ᠎ᠠ ᠮᠦᠴᠢᠷ ᠲᠠᠢ ᠬᠠᠷᠢᠯᠴᠠᠵᠤ᠂ ᠪᠤᠳᠠᠳᠤ ᠬᠦᠴᠢᠷᠳᠠᠯ ᠬᠢᠬᠡᠤᠨ ᠠᠰᠠᠭᠤᠳᠠᠯ ᠢᠶᠠᠨ ᠳᠤᠰᠬᠠᠵᠤ᠂ ᠨᠠᠩ | ᠠᠷᠪᠢᠨ ᠡᠳ᠋ ᠤᠨ ᠬᠦᠴᠤᠨ ᠤ ᠨᠦᠬᠦᠪᠤᠷᠢ ᠤᠯᠬᠤ ᠪᠠᠷ ᠴᠢᠷᠮᠠᠶᠢᠨ᠎ᠠ᠃ ᠭᠤᠷᠪᠠ ᠳᠤ᠂ ᠪᠦᠳᠤᠮᠵᠢ ᠶᠢᠨ | ᠬᠠᠮᠢᠶᠠᠷᠤᠯᠳᠠ ᠶᠢ ᠬᠦᠨᠵᠡᠬᠡᠶᠢᠷᠡᠬᠦᠯᠤᠨ᠎ᠠ᠃ ᠮᠠᠨ ᠤ ᠬᠤᠰᠢᠭᠤᠨ ᠤ ᠡᠳ᠋ ᠤᠨ ᠵᠠᠰᠠᠭ ᠤᠨ ᠪᠦᠳᠤᠮᠵᠢ ᠶᠢ ᠦᠨᠡᠯᠡᠬᠦ | ᠠᠵᠢᠯ ᠤᠨ ᠪᠦᠷᠬᠦᠴᠠ ᠶᠢ ᠤᠯᠠᠮ ᠳᠡᠬᠡᠭᠰᠢᠯᠡᠬᠦᠯᠵᠤ᠂ ᠬᠦᠨᠴᠠ ᠲᠠᠢ ᠠᠭᠤᠳᠠᠯᠠᠨ ᠠᠭᠤᠯᠬᠤᠨ ᠢ ᠨᠡᠮᠡᠭᠳᠡᠬᠦᠯᠵᠤ᠂ | ᠪᠦᠳᠤᠮᠵᠢ ᠶᠢᠨ ᠦᠨᠡᠯᠡᠯᠳᠠ ᠶᠢᠨ ᠦᠷ᠎ᠠ ᠳ᠋ᠦᠩ ᠬᠢᠬᠡᠤᠨ ᠲᠦᠰᠤᠪ ᠤᠨ ᠬᠠᠮᠢᠶᠠᠷᠤᠯᠳᠠ ᠶᠢ ᠪᠦᠳᠤᠮᠵᠢᠳᠠᠢ | ᠤᠶᠠᠯᠳᠤᠭᠤᠯᠬᠤ ᠳᠠᠭᠠᠭᠠᠮᠠᠭᠠᠢ ᠬᠠᠮᠢᠶᠠᠷᠤᠯᠳᠠ ᠶᠢᠨ ᠳᠤᠭᠳᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠲᠠᠪᠤ︶ ᠬᠢᠨᠠᠯᠳᠠ ᠶᠢ ᠴᠢᠩᠭᠠᠳᠬᠠᠵᠣ᠂ ᠪᠡᠯᠡ ᠮᠦᠩᠭᠦᠨ ᠤ ᠠᠮᠦᠷ ᠲᠦᠪᠰᠢᠨ ᠢ ᠪᠠᠳᠣᠯᠠᠨ᠎ᠠ᠃ ᠨᠢᠭᠡ ᠳᠤ᠂ | ᠥᠷᠢ ᠥᠭᠴᠡᠭᠡ ᠶᠢ ᠬᠢᠵᠠᠭᠠᠷᠯᠠᠬᠤ ᠬᠠᠮᠢᠶᠠᠷᠤᠯᠳᠠ ᠶᠢᠨ ᠲᠥᠷᠢᠮ ᠢ ᠴᠢᠩᠭ᠎ᠠ ᠭᠡᠷᠡᠭᠵᠢᠭᠦᠯᠵᠥ᠂ ᠤᠯᠠᠨ ᠵᠠᠮ ᠮᠥᠷ | ᠤᠯᠠᠨ ᠠᠷᠭ᠎ᠠ ᠠᠪᠴᠠᠯ ᠢᠶᠠᠷ ᠥᠷᠢ ᠥᠭᠴᠡᠭᠡ ᠬᠤᠯᠠᠬᠤ ᠪᠡᠯᠡ ᠮᠥᠩᠭᠦ ᠴᠤᠭᠯᠠᠭᠤᠯᠵᠤ᠂ ᠨᠥᠭᠡᠴᠡ ᠬᠥᠷᠥᠩᠭᠡ᠂ | ᠡᠳ᠋ ᠤᠨ ᠵᠠᠰᠠᠭ ᠤᠨ ᠲᠥᠰᠥᠪ ᠤᠨ ᠪᠠᠶᠢᠷᠢᠯᠠᠭᠤᠯᠤᠯᠳᠠ᠂ ᠭᠠᠵᠠᠷ ᠤᠷᠤᠨ ᠤ ᠵᠠᠰᠠᠭ ᠤᠨ ᠤᠷᠳᠤᠨ ᠤ ᠵᠢᠬᠡᠯᠡᠯᠬᠡ | ᠶᠢᠨ ᠲᠡᠮᠳᠡᠭ ᠢ ᠢᠳᠡᠪᠬᠢᠳᠡᠢ ᠤᠯᠬᠤ ᠵᠡᠷᠭᠡ ᠠᠷᠭ᠎ᠠ ᠠᠪᠴᠠᠯ ᠢ ᠠᠮᠢᠳᠤᠯᠢᠭᠵᠢᠭᠤᠯᠬᠤ ᠪᠠᠷ ᠳᠠᠮᠵᠢᠭᠤᠯᠤᠨ ᠵᠠᠰᠠᠭ | ᠤᠨ ᠤᠷᠳᠤᠨ ᠤ ᠥᠷᠢ ᠥᠭᠴᠡᠭᠡ ᠶᠢ ᠶᠡᠭᠡ ᠪᠠᠷ ᠰᠢᠢᠳᠪᠥᠷᠢᠯᠡᠨ᠎ᠡ᠃ ᠡᠭᠦᠨ ᠤ ᠬᠠᠮᠳᠤ ᠲᠥᠭᠰᠢᠭᠦᠷᠢ ᠰᠡᠷᠭᠡᠶᠢᠯᠡᠯᠳᠡ | ᠶᠢ ᠴᠢᠩᠭᠠᠳᠬᠠᠵᠤ᠂ ︽ᠬᠡᠨ ᠥᠷᠢ ᠬᠢᠪᠡᠯ ᠭᠡᠨ ᠬᠤᠯᠠᠬᠤ︾ ᠵᠠᠷᠴᠢᠮ ᠢ ᠪᠠᠷᠢᠮᠳᠠᠯᠠᠨ᠂ ᠵᠠᠰᠠᠭ ᠤᠨ ᠤᠷᠳᠤᠨ | ᠪᠤᠯᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠪᠦᠬᠦ ᠳᠠᠯ᠎ᠠ ᠪᠠᠷ ᠲᠤᠳᠤᠷᠬᠠᠶᠢᠯᠠᠨ᠂ ᠠᠵᠤ ᠠᠬᠤᠶᠢᠯᠠᠯ ᠥᠷᠢ | ᠥᠭᠴᠡᠭᠡ ᠪᠠᠨ ᠵᠠᠰᠠᠭ ᠤᠨ ᠤᠷᠳᠤᠨ ᠳᠤ ᠲᠦᠯᠬᠢᠬᠦ ᠶᠢ ᠰᠡᠷᠭᠡᠶᠢᠯᠡᠵᠥ᠂ ᠮᠥᠩᠭᠦᠨ ᠭᠥᠢᠯᠭᠡᠭᠡᠨ ᠤ ᠲᠥᠭᠰᠢᠭᠦᠷᠢ | ᠡᠳ᠋ ᠤᠨ ᠵᠠᠰᠠᠭ ᠤᠨ ᠲᠥᠭᠰᠢᠭᠦᠷᠢ ᠪᠤᠯᠤᠨ ᠬᠤᠪᠢᠷᠠᠬᠤ ᠮᠥᠷᠳᠡᠭᠡᠨ ᠡᠳ᠋ ᠤᠨ ᠵᠠᠰᠠᠭ ᠠᠴᠠ ᠪᠥᠭᠦᠨ ᠢ | ᠬᠠᠷᠢᠭᠤᠴᠠᠬᠤ ᠶᠢ ᠰᠡᠷᠭᠡᠶᠢᠯᠡᠨ᠎ᠡ᠃ ᠬᠤᠶᠠᠷ ᠲᠤ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠠᠯ ᠲᠠᠷᠢᠶᠠᠯᠠᠩ | ᠤᠨ ᠲᠦᠷᠦᠯ ᠵᠣᠶᠢᠯ᠂ ᠰᠠᠭᠤᠷᠢ ᠲᠦᠬᠦᠭᠡᠷᠦᠮᠵᠢ᠂ ᠡᠮ ᠡᠮᠨᠡᠯᠭᠡ ᠡᠷᠡᠬᠦᠯ ᠬᠠᠮᠠᠭᠠᠯᠠᠯ᠂ ᠰᠣᠶᠣᠯ ᠰᠣᠷᠭᠠᠨ ᠬᠦᠮᠦᠵᠢᠯ | ᠂ ᠨᠡᠶᠢᠭᠡᠮ ᠤᠨ ᠣᠶᠢᠯᠠᠰ ᠤᠨ ᠪᠡᠯᠡ ᠮᠦᠩᠭᠦ ᠶᠢᠨ ᠬᠢᠨᠠᠯᠳᠠ ᠶᠢ ᠴᠢᠩᠭᠠᠳᠬᠠᠵᠣ᠂ ᠪᠡᠯᠡ ᠮᠦᠩᠭᠦᠨ ᠤ ᠠᠮᠦᠷ | ᠲᠦᠪᠰᠢᠨ ᠲᠦᠷᠢᠮᠵᠢᠭᠰᠡᠨ ᠡᠷᠬᠢᠯᠳᠠ ᠶᠢ ᠪᠠᠳᠣᠯᠠᠨ᠎ᠠ᠃ ᠭᠤᠷᠪᠠ ᠳᠤ᠂ ᠨᠢᠭᠳᠠᠯᠠᠨ ᠪᠣᠳᠣᠬᠤ ᠬᠢᠨᠠᠯᠳᠠ | ᠪᠠᠶᠢᠴᠠᠭᠠᠯᠳᠠ ᠶᠢ ᠴᠢᠩᠭᠠᠳᠬᠠᠵᠣ᠂ ᠭᠤᠣᠯᠳᠠᠯᠭᠠᠳᠦ ᠣᠷᠣᠨ ᠬᠡᠪᠴᠢᠶ᠎ᠡ᠂ ᠭᠤᠣᠯᠳᠠᠯᠭᠠᠳᠦ ᠠᠵᠢᠯ ᠲᠦᠷᠦᠯ ᠤᠨ | ᠨᠢᠭᠳᠠᠯᠠᠨ ᠪᠣᠳᠣᠯᠳᠠ ᠶᠢᠨ ᠬᠢᠨᠠᠯᠳᠠ ᠶᠢ ᠰᠠᠶᠢᠳᠦᠷ ᠬᠢᠵᠣ᠂ ᠨᠢᠭᠳᠠᠯᠠᠨ ᠪᠣᠳᠣᠯᠳᠠ ᠶᠢᠨ ᠮᠡᠳᠡᠭᠡ ᠵᠡᠩᠭᠢ ᠶᠢᠨ | ᠴᠢᠨᠠᠷᠵᠢᠯ ᠢ ᠣᠯᠠᠮ ᠲᠡᠭᠡᠭᠰᠢᠯᠡᠭᠦᠯᠦᠨ᠎ᠠ᠃ ᠲᠥᠷᠪᠡ ᠳᠤ᠂ ᠡᠳ᠋ ᠤᠨ ᠵᠠᠰᠠᠭ ᠤᠨ ᠲᠥᠰᠥᠪ ᠤᠨ ᠭᠥᠢᠴᠡᠳᠭᠡᠯᠳᠡ᠂ | ᠰᠠᠯᠠᠭ᠎ᠠ ᠮᠥᠴᠢᠷ ᠤᠨ ᠲᠥᠰᠥᠪ ᠤᠨ ᠭᠥᠢᠴᠡᠳᠭᠡᠯᠳᠡ ᠪᠠ ︽ᠭᠤᠷᠪᠠᠨ ᠠᠯᠪᠠᠨ ᠵᠠᠷᠤᠳᠠᠯ︾ ᠤᠨ ᠲᠦᠰᠤᠪ ᠤᠨ | ᠬᠦᠢᠴᠡᠤᠨᠬᠡᠯᠳᠠ ᠶᠢ ᠴᠠᠭ ᠲᠤᠬᠠᠢ ᠳᠤ ᠨᠢ ᠨᠡᠶᠢᠭᠡᠮ ᠳᠤ ᠵᠠᠷᠯᠠᠵᠤ᠂ ᠠᠷᠠᠳ ᠲᠥᠮᠡᠨ ᠤ ᠬᠢᠨᠠᠯᠳᠠ ᠶᠢ ᠤᠬᠠᠮᠰᠠᠷ | ᠠᠴᠠ ᠪᠠᠨ ᠭᠥᠯᠢᠶᠡᠵᠥ᠂ ᠨᠡᠶᠢᠳᠡ ᠶᠢᠨ ᠡᠳ᠋ ᠤᠨ ᠵᠠᠰᠠᠭ ᠤᠨ ᠢᠯᠡ ᠶᠠᠪᠤᠭᠳᠠᠬᠤ ᠶᠢ ᠥᠨᠠᠨ ᠬᠦ ᠪᠠᠳᠤᠯᠠᠨ᠎ᠠ᠃ ᠲᠠᠪᠤ | ᠳᠤ᠂ ᠡᠳ᠋ ᠤᠨ ᠵᠠᠰᠠᠭ ᠤᠨ ᠬᠢᠨᠠᠯᠳᠠ ᠬᠠᠮᠢᠶᠠᠷᠣᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠰᠠᠬᠢᠯᠭ᠎ᠠ ᠪᠠᠳᠣ | ᠶᠢ ᠴᠢᠩᠳᠡᠯᠡᠨ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠰᠠᠭᠤᠷᠢ ᠪᠠᠶᠢᠭᠤᠯᠣᠯᠳᠠ ᠶᠢᠨ ᠲᠦᠷᠦᠯ | ᠵᠣᠶᠢᠯ ᠤᠨ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠡᠳ᠋ ᠤᠨ ᠵᠠᠰᠠᠭ ᠤᠨ ᠪᠡᠯᠡ | ᠮᠦᠩᠭᠦᠨ ᠤ ᠡᠷᠬᠢᠯᠳᠠ ᠶᠢᠨ ᠪᠦᠬᠦ ᠶᠠᠪᠣᠴᠠ ᠶᠢ ᠬᠢᠨᠠᠨ ᠬᠠᠮᠢᠶᠠᠷᠬᠤ ᠲᠣᠭᠳᠠᠴᠠ ᠶᠢ ᠴᠢᠷᠮᠠᠶᠢᠨ ᠪᠦᠷᠢᠯᠳᠦᠬᠦᠯᠦᠨ᠎ᠡ᠃ | ᠠᠵᠣ ᠠᠬᠤᠢ ᠶᠢᠨ ᠪᠠᠶᠢᠳᠠᠯ ᠪᠣᠯᠣᠨ ᠡᠳ᠋ ᠤᠨ ᠵᠠᠰᠠᠭ ᠭᠠᠶᠢᠯᠢ ᠶᠢᠨ ᠦᠭᠡᠷᠡᠴᠢᠯᠡᠯᠳᠠ ᠶᠢ ᠠᠩᠬᠠᠷᠴᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠳᠠ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠳᠠ ᠶᠢ ᠰᠠᠨᠠᠭᠠᠴᠢᠯᠠᠭ᠎ᠠ ᠲᠠᠢ ᠭᠥᠯᠢᠶᠡᠵᠥ | ᠂ ᠬᠠᠤᠯᠢ ᠶᠤᠰᠤᠭᠠᠷ ᠵᠠᠰᠠᠭ ᠶᠠᠪᠤᠭᠤᠯᠤᠨ᠂ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠴᠤ᠂ ᠪᠥᠭᠦ | ᠬᠤᠰᠢᠭᠤᠨ ᠤ ᠠᠵᠤ ᠠᠬᠤᠢ ᠨᠡᠶᠢᠭᠡᠮ ᠤᠨ ᠥᠷᠭᠦᠯᠵᠢᠭᠦᠶᠢᠴᠡ ᠭᠥᠭᠵᠢᠯᠳᠡ ᠳᠤ ᠪᠠᠳᠤ ᠪᠠᠬᠢ ᠡᠳ᠋ ᠤᠨ ᠭᠥᠴᠥᠨ ᠤ | ᠪᠠᠳᠤᠯᠠᠭ᠎ᠠ ᠬᠠᠩᠭᠠᠨ᠎ᠠ᠃ | ᠲᠥᠯᠥᠭᠡᠯᠡᠭᠴᠢᠳ ᠡ᠂ 2017 ᠤᠨ ᠪᠤᠯ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠨᠡᠭᠡᠭᠡᠭᠳᠡᠭᠦ ᠵᠢᠯ | ᠪᠤᠯᠤᠨ᠎ᠠ᠂ ᠥᠨᠥ ᠵᠢᠯ ᠤᠨ ᠡᠳ᠋ ᠤᠨ ᠵᠠᠰᠠᠭ ᠤᠨ ᠠᠵᠢᠯ ᠢᠶᠠᠨ ᠰᠠᠶᠢᠳᠦᠷ ᠬᠢᠬᠦ ᠨᠢ ᠠᠯᠤᠰ ᠬᠡᠳᠥ ᠶᠢᠨ ᠠᠴᠢ | ᠬᠤᠯᠪᠤᠭᠳᠠᠯ ᠲᠠᠢ ᠶᠤᠮ᠃ ᠪᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠥᠴᠥᠳᠤ | ᠤᠳᠤᠷᠢᠳᠤᠯᠭ᠎ᠠ ᠲᠤᠤᠷ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠬᠤᠷᠠᠯ ᠪᠤᠯᠤᠨ ᠪᠠᠶᠢᠩᠭᠤ ᠶᠢᠨ ᠬᠤᠷᠢᠶᠠᠨ | ᠤ ᠬᠢᠨ ᠤ ᠬᠢᠨᠠᠯᠳᠠ ᠶᠢ ᠤᠬᠠᠮᠰᠠᠷ ᠠᠴᠠ ᠪᠠᠨ ᠬᠥᠯᠢᠶᠡᠨ᠂ ᠲᠤᠰ ᠤᠳᠠᠭᠠᠨ ᠤ ᠬᠤᠷᠠᠯ ᠢᠶᠠᠷ ᠲᠤᠭᠳᠠᠭᠠᠭᠰᠠᠨ ᠡᠯ᠎ᠡ | ᠲᠥᠷᠥᠯ ᠤᠨ ᠰᠢᠢᠳᠪᠦᠷᠢ ᠶᠢ ᠬᠢᠨᠠᠮᠠᠭᠠᠢ ᠲᠤᠤᠱᠯᠠᠭᠤᠯᠵᠤ᠂ ᠢᠳᠡᠭᠡᠯ ᠪᠠᠳᠤ ᠪᠠᠷ ᠬᠥᠴᠢᠷ ᠢ ᠢᠯᠡᠨ ᠵᠤᠷᠢᠭᠳᠠᠢ | ᠲᠡᠮᠡᠴᠡᠵᠥ᠂ ᠪᠥᠭᠦ ᠵᠢᠯ ᠤᠨ ᠲᠥᠰᠥᠪᠯᠡᠭᠰᠡᠨ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠥᠨ᠂ ᠪᠥᠭᠦ ᠬᠤᠰᠢᠭᠤᠨ ᠤ | ᠠᠵᠤ ᠠᠬᠤᠢ ᠶᠢᠨ ᠭᠥᠭᠵᠢᠯᠳᠡ ᠪᠠ ᠨᠡᠶᠢᠭᠡᠮ ᠤᠨ ᠥᠢᠯᠡᠰ ᠤᠨ ᠲᠠᠪᠰᠢᠯᠳᠠ ᠳᠤ ᠰᠢᠨ᠎ᠡ ᠵᠢᠳᠭᠦᠯ ᠨᠡᠮᠡᠷᠢ | ᠥᠵᠡᠭᠦᠯᠰᠥᠭᠡᠢ︕ | |