—— 2017 ᠤᠨ ᠤ 2 ᠰᠠᠷ᠎ᠠ ᠶᠢᠨ 8 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ | ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠵᠢᠷᠭᠤᠳᠣᠭᠠᠷ ᠬᠤᠷᠠᠯᠳᠤᠭᠠᠨ ᠳᠡᠬᠡᠷ᠎ᠠ | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠣᠷᠣᠯᠠᠭᠴᠢ ᠬᠤᠰᠢᠭᠤ ᠳᠠᠷᠤᠭ᠎ᠠ | | ᠪᠦᠷᠢᠨᠴᠢᠮᠡᠭ | | ᠲᠦᠯᠦᠬᠡᠯᠡᠭᠴᠢᠤᠨ ᠡ᠄ | ᠡᠳᠤᠬᠡ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ | ᠲᠥᠯᠥᠭᠡᠯᠡᠭᠴᠢᠳ ᠬᠢᠨᠠᠨ ᠵᠦᠪᠯᠡᠵᠤ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ | ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ 2016 ᠤᠨ ᠤ ᠠᠵᠢᠯ ᠤᠨ ᠡᠷᠬᠢᠴᠡᠬᠦᠯᠤᠯ | ᠰᠠᠶ᠋ᠢᠬᠠᠨ ᠦᠩᠬᠡᠷᠡᠭᠰᠡᠨ2016 ᠣᠨ ᠳᠤ᠂ ᠬᠤᠰᠢᠭᠤ ᠠᠷᠠᠳ ᠤᠨ ᠵᠠᠰᠠᠭ ᠤᠨ ᠣᠷᠳᠣᠨ ᠲᠡᠭᠡᠳᠦ ᠱᠠᠳᠣᠨ | ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠨᠠᠮ ᠤᠨ ᠬᠤᠷᠢᠶᠠᠨ ᠤ ᠰᠢᠢᠤᠨᠪᠤᠷᠢ ᠳᠤᠬᠢᠷᠠᠭᠤᠯᠭ᠎ᠠ ᠶᠢ ᠡᠷᠡᠰ | ᠰᠢᠭᠤᠷᠬᠠᠢ ᠪᠤᠳᠠᠳᠠᠶᠢᠵᠢᠭᠤᠯᠵᠤ᠂ ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠬᠠᠣᠯᠢ ᠶᠢᠨ ᠬᠢᠨᠠᠯᠳᠠ ᠪᠠ ᠤᠯᠤᠰ ᠲᠦᠷᠤ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ | ᠲᠣᠣᠷ᠎ᠠ᠂ ᠰᠡᠳᠬᠢᠯ ᠨᠢᠬᠡᠳᠣᠨ ᠬᠦᠴᠤ ᠬᠠᠮᠲᠣᠳᠬᠠᠵᠣ᠂ ᠰᠢᠨ᠎ᠡ ᠶᠢ ᠡᠬᠦᠳᠣᠨ ᠦᠢᠯᠡᠰ ᠪᠣᠰᠬᠠᠵᠣ᠂ ᠨᠡᠮᠡᠭᠳᠡᠯ ᠢ | ᠲᠣᠭᠲᠠᠭᠤᠨᠵᠢᠭᠤᠯᠬᠤ᠂ ᠦᠬᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠢ | ᠬᠠᠷᠠᠭᠠᠯᠵᠠᠬᠤ᠂ ᠲᠦᠭᠰᠢᠬᠦᠷᠢ ᠶᠢ ᠰᠡᠷᠬᠡᠶᠢᠯᠡᠬᠦ ᠵᠡᠷᠬᠡ ᠡᠯ᠎ᠡ ᠲᠦᠷᠦᠯ ᠤᠨ ᠠᠵᠢᠯ ᠢ ᠨᠢᠬᠡᠳᠣᠯᠲᠠᠢ ᠲᠦᠯᠦᠪᠵᠢᠬᠦᠯᠣᠨ | ᠠᠬᠢᠭᠤᠯᠵᠣ᠂ ᠳᠤᠭᠳᠠᠭᠠᠭᠰᠡᠨ ᠬᠠᠷᠠᠯᠳᠠ ᠡᠬᠦᠷᠬᠡ ᠪᠠᠨ ᠠᠮᠵᠢᠯᠳᠠ ᠲᠠᠢ ᠪᠡᠶᠡᠯᠡᠭᠦᠯᠪᠡ᠃ ᠭᠠᠵᠠᠷ ᠤᠷᠤᠨ ᠤ | ᠥᠢᠯᠡᠳᠪᠥᠷᠢᠯᠡᠯ ᠤᠨ ᠶᠡᠷᠥᠩᠭᠡᠢ ᠥᠷᠳᠡᠭ 136.4 ᠳ᠋ᠦᠩᠰᠢᠭᠤᠷ ᠲᠦᠬᠦᠷᠢᠭ ᠲᠤ ᠬᠦᠷᠴᠤ᠂ 8.1% ᠨᠡᠮᠡᠭᠳᠡᠪᠠ | ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 267.3 ᠳ᠋ᠦᠩᠰᠢᠭᠤᠷ ᠲᠦᠬᠦᠷᠢᠭ ᠲᠤ ᠬᠦᠷᠴᠤ᠂ 15. | 1% ᠨᠡᠮᠡᠭᠳᠠᠪᠠ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ | 22.8 ᠳ᠋ᠦᠩᠰᠢᠭᠤᠷ ᠲᠦᠬᠦᠷᠢᠭ ᠲᠤ ᠬᠦᠷᠤᠨ᠂ 11.7% ᠨᠡᠮᠡᠭᠳᠡᠪᠠ︔ ᠬᠤᠳᠠ ᠬᠦᠳᠡᠭᠡ ᠶᠢᠨ ᠰᠠᠭᠤᠭᠠᠯᠢ | ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠳᠤᠰᠪᠤᠷᠢ 38318 ᠲᠦᠬᠦᠷᠢᠭ ᠪᠠ | 15603 ᠲᠦᠬᠦᠷᠢᠭ ᠲᠤ ᠬᠦᠷᠴᠤ᠂ 7.8% ᠪᠠ 7.6% ᠨᠡᠮᠡᠭᠳᠡᠪᠠ᠃ ᠨᠠᠶᠢᠳᠠ ᠶᠢᠨ ᠡᠳ᠋ ᠤᠨ ᠵᠠᠰᠠᠭ ᠤᠨ | ᠲᠦᠰᠤᠪ ᠤᠨ ᠤᠷᠤᠯᠭ᠎ᠠ 18.1 ᠳ᠋ᠥᠩᠰᠢᠭᠤᠷ ᠲᠥᠭᠦᠷᠢᠭ ᠲᠤ ᠭᠥᠷᠥᠨ᠂ 13.1% ᠨᠡᠮᠡᠭᠳᠡᠪᠠ᠃ ᠳᠤᠭᠳᠠᠮᠠᠯ | ᠬᠦᠷᠤᠩᠬᠡ ᠶᠢᠨ ᠪᠡᠯᠡ ᠤᠷᠤᠭᠤᠯᠤᠯᠳᠠ᠂ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ | ᠶᠡᠷᠤᠩᠬᠡᠢ ᠦᠷᠳᠡᠭ᠂ ᠪᠦᠬᠦ ᠰᠠᠭᠤᠭᠠᠯᠢ ᠠᠷᠠᠤᠨ ᠤᠨ ᠬᠦᠮᠤᠨ ᠳᠤᠳᠤᠮ ᠤᠨ ᠡᠵᠡᠮᠳᠡᠵᠤ ᠪᠤᠯᠬᠤ ᠤᠷᠤᠯᠭ᠎ᠠ ᠶᠢᠨ | ᠨᠡᠮᠡᠭᠳᠡᠯ ᠪᠦᠬᠦ ᠬᠤᠳᠠ ᠶᠢᠨ ᠳᠡᠷᠢᠬᠦᠨ ᠤ ᠡᠩᠨᠡᠬᠡᠨ ᠳᠤ ᠤᠷᠤᠵᠤ᠂ ᠮᠠᠯᠴᠢᠨ ᠳᠠᠷᠢᠶᠠᠴᠢᠤᠨ ᠤᠨ ᠬᠦᠮᠤᠨ ᠳᠤᠮᠳᠠᠴᠢ | ᠶᠢᠨ ᠡᠵᠡᠮᠳᠡᠵᠤ ᠪᠤᠯᠬᠤ ᠤᠷᠤᠯᠭ᠎ᠠ ᠦᠷᠬᠦᠯᠵᠢᠯᠡᠨ 12 ᠵᠢᠯ ᠪᠦᠬᠦ ᠬᠤᠳᠠ ᠳᠤ ᠪᠠᠨ ᠳᠠᠷᠢᠬᠦᠯᠡᠵᠤ᠂ ᠨᠠᠶᠢᠳᠠ ᠶᠢᠨ | ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢᠨ ᠨᠡᠮᠡᠭᠳᠡᠯ ᠪᠦᠬᠦ ᠬᠤᠳᠠ ᠶᠢᠨ ᠬᠤᠶᠠᠳᠤᠭᠠᠷ ᠲᠤ ᠤᠷᠤᠪᠠ᠃ | ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠣ ᠵᠣᠷᠢᠭᠲᠠᠢ ᠰᠢᠨᠡᠴᠢᠯᠡᠨ᠂ ᠪᠦᠯᠬᠦᠮᠳᠡᠨ ᠨᠢᠭᠲᠠᠷᠠᠵᠣ ᠪᠣᠳᠠᠲᠠᠢ | ᠠᠵᠢᠯᠯᠠᠭᠰᠠᠨ ᠪᠦᠳᠣᠮᠵᠢ ᠪᠠᠷ ᠢᠶᠠᠨ ︽ᠠᠷᠪᠠᠨ ᠭᠤᠷᠪᠠᠳᠣᠭᠠᠷ ᠲᠠᠪᠣᠨ ᠵᠢᠯ ︾ ᠤᠨ ᠣᠬᠢ ᠰᠠᠶᠢᠨ ᠡᠬᠢᠯᠡᠯᠲᠡ ᠶᠢ | ᠪᠣᠢ ᠪᠣᠯᠭᠠᠭᠰᠠᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠠ ᠪᠦᠬᠦ ᠬᠦᠴᠦᠨ ᠢᠶᠠᠷ ᠬᠢᠨᠡᠨ ᠴᠣᠬᠤᠯᠠᠪᠣᠷᠢᠯᠠᠭᠤᠯᠬᠤ ᠶᠢ ᠠᠤᠨᠬᠤᠨ᠂ | ᠣᠷᠣᠨᠵᠢᠭᠤᠯᠣᠯᠲᠠ ᠶᠢ ᠠᠬᠢᠭᠤᠯᠵᠤ᠂ ᠠᠵᠤ ᠤᠶᠢᠯᠡᠤᠨᠪᠤᠷᠢ ᠶᠢᠨ ᠬᠦᠭᠵᠢᠯᠳᠠ ᠶᠢᠨ ᠨᠦᠬᠡᠴᠡ ᠬᠦᠴᠤᠨ ᠢ | ᠬᠤᠷᠠᠮᠳᠤᠭᠤᠯᠤᠨ ᠳᠡᠬᠡᠭᠰᠢᠯᠡᠬᠦᠯᠪᠠ᠃ ᠠᠵᠣ ᠦᠢᠯᠡᠳᠪᠣᠷᠢ ᠶᠢ ᠠᠷᠠᠳ ᠢᠶᠠᠨ ᠪᠠᠶᠠᠵᠢᠭᠤᠯᠣᠨ ᠬᠤᠰᠢᠭᠤ ᠪᠠᠨ | ᠬᠦᠴᠦᠷᠬᠡᠭᠵᠢᠬᠦᠯᠬᠦ ᠲᠣᠯᠣᠭᠠᠶᠢᠯᠭᠴᠢ ᠠᠵᠣ ᠦᠢᠯᠡᠰ ᠪᠣᠯᠭᠠᠨ ᠪᠠᠷᠢᠮᠲᠠᠯᠠᠵᠣ᠂ ᠲᠦᠷᠦᠯ ᠵᠦᠢᠯ ᠤᠨ | ᠴᠣᠬᠤᠯᠠᠪᠣᠷᠢᠯᠠᠭᠤᠯᠣᠯᠲᠠ ᠪᠠ ᠪᠠᠶᠢᠭᠤᠯᠣᠯᠲᠠ ᠶᠢ ᠪᠦᠬᠦ ᠬᠦᠴᠣᠨ ᠢᠶᠠᠷ ᠠᠬᠢᠭᠤᠯᠵᠣ᠂ ᠭᠠᠳᠠᠭᠰᠢ ᠴᠠᠬᠢᠯᠭᠠᠨ | ᠬᠦᠷᠬᠡᠬᠦ ᠱᠤᠭᠤᠮ ᠤᠨ ᠪᠠᠷᠢᠯᠭ᠎ᠠ ᠶᠢᠨ ᠰᠠᠭᠤᠷᠢ ᠠᠵᠢᠯ ᠢ ᠪᠦᠬᠦᠨ ᠢ ᠲᠠᠭᠤᠰᠬᠠᠵᠣ᠂ ᠴᠠᠬᠢᠯᠭᠠᠨ ᠭᠠᠷᠭᠠᠬᠤ | ᠲᠦᠬᠦᠷ ᠲᠦᠷᠦᠯ ᠵᠦᠢᠯ ᠢ ᠡᠮᠬᠢᠲᠠᠢ ᠠᠬᠢᠭᠤᠯᠣᠨ᠂ ᠬᠤᠶᠠᠷ 2× 100 ᠲᠦᠮᠡᠨ ᠺᠢᠯᠤᠸᠠᠲ ᠤᠨ ᠨᠡᠭᠦᠷᠡᠰᠣᠨ | ᠴᠠᠬᠢᠯᠭᠠᠨ ᠣᠶᠢᠯᠠᠳᠪᠦᠷᠢ ᠶᠢᠨ ᠴᠣᠬᠤᠯᠠᠪᠣᠷᠢᠯᠠᠯ ᠢ ᠣᠯᠵᠣ ᠡᠬᠢᠯᠡᠨ ᠪᠠᠶᠢᠭᠤᠯᠵᠣ᠂ ᠬᠤᠸᠠ ᠰᠢᠩ ᠤᠨ40 | ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠣᠶᠢᠯ ᠤᠨ ᠨᠡᠬᠦᠷᠡᠰᠣᠨ ᠡᠬᠢ | ᠰᠣᠷᠪᠣᠯᠵᠢ ᠶᠢᠨ ᠣᠷᠢᠳᠠᠴᠢ ᠲᠦᠬᠦᠷᠵᠢᠬᠦᠯᠣᠯᠲᠡ ᠶᠢ ᠵᠦᠪᠰᠢᠶᠡᠷᠡᠬᠦᠯᠬᠦ ᠪᠠᠷ ᠮᠡᠳᠡᠬᠦᠯᠵᠣ᠂ 60 ᠲᠦᠮᠡᠨ ᠲᠣᠨ | ᠨᠡᠬᠦᠷᠡᠰᠤ ᠪᠠᠷ ᠠᠯᠺᠸᠠ ᠤᠶᠢᠯᠡᠤᠨᠬᠦ ᠲᠦᠷᠦᠯ ᠵᠣᠶᠢᠯ ︽ᠣᠯᠣᠰ ᠤᠨ ᠨᠡᠬᠦᠷᠡᠰᠣ ᠬᠢᠮᠢ ᠶᠢᠨ ᠠᠵᠣ ᠦᠢᠯᠡᠳᠪᠣᠷᠢ | ᠶᠢᠨ ᠰᠢᠨᠡᠴᠢᠯᠡᠯ ᠲᠠᠢ ᠬᠦᠭᠵᠢᠬᠦᠯᠦᠯᠲᠡ ᠶᠢᠨ ᠪᠠᠶᠢᠷᠢᠯᠠᠭᠤᠯᠣᠯᠲᠠ ᠶᠢᠨ ᠲᠦᠰᠣᠯ︾ ᠳᠤ ᠣᠷᠣᠪᠠ︔ ᠴᠠᠩᠴᠧᠩ 2 | ᠨᠣᠮᠧᠷᠳᠣ᠂ ᠰᠢᠨ᠎ᠡ ᠱᠠᠩᠬᠠᠢ ᠶᠢᠨ ᠰᠦᠮ᠎ᠡ1 ᠨᠣᠮᠧᠷᠲᠣ ᠨᠡᠬᠦᠷᠡᠰᠣᠨ ᠠᠭᠤᠷᠬᠠᠢ ᠬᠤᠯᠪᠣᠭᠠᠯᠠᠨ ᠲᠣᠷᠰᠢᠨ | ᠦᠢᠯᠡᠳᠪᠣᠷᠢᠯᠡᠵᠣ᠂ ᠱᠠᠨᠳᠦ᠋ᠩ ᠮᠣᠵᠢ ᠠᠴᠠ 766 ᠲᠦᠮᠡᠨ ᠲᠣᠨ ᠨᠡᠬᠦᠷᠡᠰᠣᠨ ᠤ ᠦᠢᠯᠡᠳᠪᠣᠷᠢᠯᠡᠯ ᠤᠨ ᠴᠢᠳᠠᠪᠬᠢ | ᠰᠤᠯᠢᠵᠤ᠂ ᠨᠡᠬᠦᠷᠡᠰᠤᠨ ᠠᠭᠤᠷᠬᠠᠢ ᠶᠢᠨ ᠬᠢᠨᠠᠨ ᠴᠤᠬᠤᠯᠠᠪᠤᠷᠢᠯᠠᠯᠳᠠ ᠳᠤ ᠪᠦᠳᠤᠮᠵᠢᠳᠠᠢ ᠤᠷᠤᠨ ᠵᠠᠢ ᠬᠠᠩᠭᠠᠪᠠ᠃ | ︽ᠰᠢᠨᠡᠡᠨᠧᠷᠬᠢ ᠶᠢᠨ ᠠᠵᠣ ᠦᠢᠯᠡᠰ ᠤᠨ ᠬᠦᠭᠵᠢᠯᠲᠡ ᠶᠢᠨ ᠲᠦᠯᠦᠪᠵᠢᠬᠦᠯᠬᠡ︾ ᠶᠢ ᠡᠩ ᠲᠡᠷᠢᠬᠦᠨ ᠳᠤ | ᠨᠠᠶᠢᠷᠠᠭᠤᠯᠵᠣ ᠲᠠᠭᠤᠰᠬᠠᠨ᠂ ᠡᠮᠣᠨ᠎ᠡ ᠬᠤᠭᠤᠴᠠᠭᠠᠨ ᠤ ᠠᠵᠢᠯ ᠢ ᠶᠠᠪᠣᠭᠳᠠᠭᠤᠯᠵᠣ ᠪᠠᠶᠢᠭᠠᠰᠢᠨᠡᠡᠨᠧᠷᠬᠢ ᠶᠢᠨ | ᠮᠠᠰᠢᠨ ᠴᠣᠭᠴᠠᠯᠠᠪᠣᠷᠢ 1000 ᠲᠦᠮᠡᠨ ᠺᠢᠯᠤᠸᠠᠲ ᠠᠴᠠ ᠲᠠᠪᠠᠪᠠ︔ ᠶᠡᠷᠣᠩᠬᠡᠢ ᠬᠡᠪᠴᠢᠶᠡᠵᠢᠯ 120 ᠲᠦᠮᠡᠨ | ᠲᠣᠨLNG ᠲᠦᠷᠦᠯ ᠵᠣᠶᠢᠯ ᠢ ᠡᠬᠢᠯᠡᠨ ᠪᠠᠶᠢᠭᠤᠯᠵᠣ᠂ ᠰᠢᠨ᠎ᠡ ᠪᠠᠷ 20 ᠲᠦᠮᠡᠨ ᠲᠣᠨ ᠦᠢᠯᠡᠳᠪᠣᠷᠢᠯᠡᠯ ᠤᠨ | ᠴᠢᠳᠠᠪᠬᠢ ᠨᠡᠮᠡᠭᠳᠡᠪᠡ᠃ ᠣᠯᠠᠨ ᠲᠦᠢᠯᠲᠣ ᠲᠣᠯᠭᠠᠭᠤᠷᠢᠯᠠᠯ ᠲᠠᠢ᠂ ᠣᠯᠠᠨ ᠡᠰᠢᠲᠣ ᠬᠦᠭᠵᠢᠯᠲᠡ ᠲᠠᠢ ᠠᠵᠣ | ᠦᠢᠯᠡᠰ ᠤᠨ ᠪᠠᠶᠢᠳᠠᠯ ᠡᠬᠢᠯᠡᠨ ᠪᠦᠷᠢᠯᠳᠣᠵᠣ᠂ ᠠᠵᠣ ᠦᠢᠯᠡᠳᠪᠣᠷᠢ ᠶᠢᠨ ᠦᠢᠯᠡᠳᠪᠣᠷᠢᠯᠡᠯ ᠤᠨ ᠶᠡᠷᠣᠩᠬᠡᠢ ᠦᠷᠲᠡᠭ | 290 ᠳ᠋ᠦᠩᠰᠢᠭᠤᠷ ᠲᠦᠬᠦᠷᠢᠭ ᠲᠤ ᠭᠦᠷᠴᠣ᠂ 13% ᠪᠠᠷ ᠨᠡᠮᠡᠭᠳᠡᠨ᠂ ᠠᠵᠣ ᠦᠢᠯᠡᠳᠪᠣᠷᠢ ᠶᠢᠨ ᠨᠡᠮᠡᠭᠳᠡᠯ | ᠦᠷᠲᠡᠭ 65.78 ᠳ᠋ᠦᠩᠰᠢᠭᠤᠷ ᠲᠦᠬᠦᠷᠢᠭ ᠲᠤ ᠭᠦᠷᠴᠣ᠂ 9.7% ᠪᠠᠷ ᠨᠡᠮᠡᠭᠳᠡᠨ᠂ ᠬᠡᠪᠴᠢᠶᠡᠵᠢᠯ ᠠᠴᠠ | ᠲᠡᠬᠡᠭᠰᠢᠬᠢ ᠠᠵᠣ ᠠᠬᠤᠶᠢᠯᠠᠯ ᠤᠨ ᠦᠢᠯᠡᠳᠪᠣᠷᠢᠯᠡᠯ ᠤᠨ ᠶᠡᠷᠣᠩᠬᠡᠢ ᠦᠷᠲᠡᠭ 216 ᠳ᠋ᠦᠩᠰᠢᠭᠤᠷ ᠲᠦᠬᠦᠷᠢᠭ ᠲᠤ | ᠭᠦᠷᠴᠣ᠂ 8% ᠪᠠᠷ ᠨᠡᠮᠡᠭᠳᠡᠨ᠂ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠰᠠᠭᠤᠷᠢᠨ ᠤ ᠪᠣᠷᠣᠯᠠᠭᠤᠯᠣᠯᠲᠠ | ᠶᠢᠨ ᠣᠷᠣᠯᠭ᠎ᠠ 150 ᠳ᠋ᠦᠩᠰᠢᠭᠤᠷ ᠲᠦᠬᠦᠷᠢᠭ ᠲᠤ ᠬᠦᠷᠪᠡ᠃ ᠡᠳᠡᠬᠡᠷ ᠴᠢᠬᠤᠯᠠ ᠶᠡᠭᠡ ᠲᠦᠷᠦᠯ ᠵᠦᠢᠯ ᠤᠨ | ᠣᠷᠣᠭᠰᠢᠲᠠᠢ ᠬᠡᠷᠡᠭᠵᠢᠬᠦᠯᠣᠯᠲᠡ ᠨᠢ ᠨᠦᠬᠡᠴᠡ ᠬᠦᠴᠣᠨ ᠬᠤᠷᠠᠮᠳᠣᠭᠤᠯᠣᠨ ᠬᠦᠭᠵᠢᠯᠲᠡ ᠶᠢᠨ ᠬᠦᠳᠡᠯᠭᠡᠭᠴᠢ | ᠬᠦᠴᠤᠨ ᠢ ᠨᠡᠮᠡᠭᠳᠡᠬᠦᠯᠣᠭ᠍ᠰᠡᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠠ ᠪᠦᠬᠦ ᠰᠡᠳᠬᠢᠯ ᠢᠶᠠᠷ ᠢᠶᠠᠨ ᠠᠷᠠᠳ ᠲᠤ ᠠᠰᠢᠭ ᠵᠢᠷᠭᠠᠯ ᠰᠦᠪᠡᠭᠴᠢᠯᠡᠨ᠂ | ᠠᠮᠣᠷ ᠲᠣᠭᠲᠠᠭᠤᠨ ᠢ ᠪᠠᠲᠣᠯᠠᠵᠣ᠂ ᠠᠷᠠᠳ ᠤᠨ ᠬᠠᠨᠣᠮᠵᠢ ᠪᠣᠯᠣᠨ ᠠᠮᠣᠷ ᠲᠦᠪᠰᠢᠨ ᠢ ᠢᠯᠡᠳᠲᠡ | ᠲᠡᠬᠡᠭᠰᠢᠯᠡᠬᠦᠯᠪᠡ᠃ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠵᠠᠰᠠᠭ ᠤᠨ ᠣᠷᠳᠣᠨ ᠤ ᠠᠵᠢᠯ ᠤᠨ | ᠭᠠᠷᠳᠠᠴᠠ ᠪᠠ ᠵᠤᠭᠰᠤᠴᠠ ᠪᠣᠯᠭᠠᠨ ᠪᠠᠷᠢᠮᠲᠠᠯᠠᠵᠣ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ | ᠶᠢᠨ 75% ᠠᠴᠠ ᠲᠡᠭᠡᠭᠰᠢᠬᠢ ᠶᠢ ᠠᠷᠠᠳ ᠤᠨ ᠠᠮᠢᠳᠣᠷᠠᠯ ᠤᠨ ᠦᠢᠯᠡᠰ ᠲᠤ ᠵᠠᠷᠣᠴᠠᠭᠤᠯᠵᠣ᠂ ᠠᠷᠠᠳ ᠲᠤ | ᠠᠮᠠᠯᠠᠭᠰᠠᠨ 6 ᠪᠣᠳᠠᠲᠣ ᠣᠴᠢᠷ ᠢ ᠪᠦᠬᠦᠨ ᠢ ᠪᠡᠶᠡᠯᠡᠬᠦᠯᠵᠣ᠂ ᠰᠢᠨ᠎ᠡ ᠵᠠᠰᠠᠭᠰᠠᠨ ᠬᠦᠳᠡᠭᠡ ᠲᠣᠰᠬᠤᠨ ᠤ ᠵᠠᠰᠠᠮᠠᠯ | ᠵᠠᠮ ᠪᠠ ᠡᠷᠣᠬᠡ ᠶᠢᠨ ᠵᠠᠮ 2100 ᠭᠠᠷᠣᠢ ᠺᠢᠯᠦᠮᠧᠲᠷ ᠬᠦᠷᠴᠣ᠂ ᠰᠢᠨ᠎ᠡ ᠪᠠᠶᠢᠭᠤᠯᠣᠭᠰᠠᠨ ᠪᠠ ᠦᠬᠡᠷᠡᠴᠢᠯᠡᠭᠰᠡᠨ | 10 ᠺᠢᠯᠤᠸᠥᠯᠲ ᠠᠴᠠ ᠲᠣᠷᠣᠭᠰᠢᠬᠢ ᠲᠦᠬᠦᠷᠴᠢᠯᠡᠭᠰᠡᠨ ᠲᠣᠣᠷ ᠱᠣᠭᠤᠮ 1317 ᠺᠢᠯᠦᠮᠧᠲᠷ ᠬᠦᠷᠣᠨ ᠂ ᠰᠢᠨ᠎ᠡ | ᠪᠠᠶᠢᠭᠤᠯᠣᠭᠰᠠᠨ 35 ᠺᠢᠯᠤᠸᠥᠯᠲ ᠠᠴᠠ ᠲᠡᠬᠡᠭᠰᠢᠬᠢ ᠴᠠᠬᠢᠯᠭᠠᠨ ᠬᠤᠪᠢᠰᠬᠠᠨ ᠲᠠᠮᠵᠢᠭᠤᠯᠬᠤ ᠢᠨᠵᠧᠨᠧᠷᠢᠩ10 | ᠬᠦᠷᠴᠣ᠂ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠲᠣᠣᠷ ᠪᠦᠬᠦ ᠲᠠᠯ᠎ᠠ ᠪᠠᠷ ᠰᠢᠯᠢᠳᠡᠭᠵᠢᠨ᠂ ᠬᠦᠳᠡᠯᠬᠡᠭᠴᠢ | ᠴᠠᠬᠢᠯᠭᠠᠨ ᠤ ᠪᠦᠬᠦ ᠪᠦᠷᠬᠦᠴᠡ ᠶᠢ ᠪᠡᠶᠡᠯᠡᠬᠦᠯᠪᠡ︔ ᠰᠢᠨ᠎ᠡ ᠪᠠᠷ 1479 ᠪᠠᠭ᠎ᠠ ᠬᠦᠯᠡᠮᠵᠢ ᠪᠠᠶᠢᠭᠤᠯᠵᠣ᠂ ᠰᠢᠨ᠎ᠡ | ᠨᠡᠮᠡᠭᠳᠡᠭᠰᠡᠨ ᠬᠡᠢ ᠲᠣᠬᠢᠷᠠᠭᠤᠯᠭ᠎ᠠ ᠪᠠᠷ ᠰᠣᠷᠭᠤᠭ ᠬᠠᠳᠠᠭᠠᠯᠠᠬᠤ ᠬᠦᠮᠣᠷᠬᠡ ᠶᠢᠨ ᠪᠠᠭᠲᠠᠭᠠᠮᠵᠢ 1.5 ᠲᠦᠮᠡᠨ ᠺᠦᠪ | ᠮᠧᠲᠷ ᠬᠦᠷᠴᠤ᠂ ᠣᠨᠴᠠᠯᠢᠭᠲᠣ ᠲᠠᠷᠢᠮᠠᠯ ᠤᠨ ᠦᠢᠯᠡᠰ ᠤᠨ ᠣᠨᠠᠯᠲᠠ ᠦᠷ᠎ᠡ ᠠᠰᠢᠭ ᠤᠨ ᠨᠡᠮᠡᠭᠳᠡᠯ ᠢ ᠠᠬᠢᠭᠤᠯᠪᠠ︔ | ᠬᠦᠨᠳᠤ ᠡᠪᠡᠤᠨᠴᠢᠨ ᠤ ᠠᠪᠤᠷᠠᠨ ᠳᠤᠰᠠᠯᠠᠯᠳᠠ ᠶᠢᠨ ᠨᠦᠬᠦᠪᠤᠷᠢ ᠮᠦᠩᠬᠦ ᠶᠢ 174.6 ᠲᠦᠮᠡᠨ ᠲᠦᠬᠦᠷᠢᠭ | ᠣᠯᠭᠤᠵᠣ᠂ ᠬᠦᠨᠳᠣ ᠡᠪᠡᠤᠨᠴᠢᠨ ᠲᠠᠢ 108 ᠶᠠᠳᠠᠭᠤ ᠬᠦᠴᠢᠷᠳᠡᠯᠲᠠᠢ ᠬᠦᠮᠦᠨ ᠢ ᠲᠣᠰᠠᠯᠠᠪᠠ︔ ᠤᠯᠵᠠᠴᠢ | ᠪᠠᠯᠭᠠᠰᠤ ᠪᠠ ᠱᠠᠩᠬᠠᠢ ᠶᠢᠨ ᠰᠦᠮ᠎ᠠ ᠪᠠᠯᠭᠠᠰᠤᠨ ᠤ ᠣᠯᠠᠨ ᠨᠡᠶᠢᠲᠡ ᠶᠢᠨ ᠳᠤᠭᠤᠷᠢᠭ ᠲᠤ ᠲᠦᠯᠤᠪᠤᠷᠢ ᠦᠬᠡᠢ | WIFI ᠶᠢᠨ ᠪᠦᠬᠦ ᠪᠦᠷᠬᠦᠴᠠ ᠶᠢ ᠪᠡᠶᠡᠯᠡᠬᠦᠯᠵᠤ᠂ ᠰᠢᠳᠠᠮᠠᠬᠠᠢ ᠬᠡᠢ ᠶᠢ ᠡᠷᠣᠬᠡ ᠳᠤ ᠨᠡᠪᠳᠡᠷᠡᠬᠦᠯᠬᠦ ᠬᠡᠪᠴᠢᠶ᠎ᠡ ᠶᠢ | ᠦᠷᠬᠡᠳᠬᠡᠨ ᠮᠠᠯᠠᠳ᠂ ᠬᠡᠴᠡᠬᠦᠦ ᠶᠢᠨ ᠡᠷᠢᠶᠡᠨ᠂ ᠶᠡᠭᠡ ᠲᠣᠬᠤᠢ ᠵᠡᠷᠬᠡ 12 ᠲᠦᠪᠯᠡᠷᠡᠩᠬᠦᠢ ᠰᠠᠭᠤᠷᠢᠰᠢᠯ ᠤᠨ ᠴᠡᠭ | ᠳᠤ ᠬᠡᠢ ᠨᠡᠪᠲᠡᠷᠡᠬᠦᠯᠪᠡ᠃ ᠶᠠᠳᠠᠭᠤ ᠬᠦᠴᠢᠷᠳᠡᠯᠲᠠᠢ ᠣᠯᠠᠨ ᠲᠦᠮᠡᠨ ᠤ ᠦᠢᠯᠡᠳᠪᠣᠷᠢᠯᠡᠯ ᠠᠮᠢᠳᠣᠷᠠᠯ ᠢ | ᠴᠢᠬᠤᠯᠠᠴᠢᠯᠠᠨ ᠬᠠᠯᠠᠮᠵᠢᠯᠠᠵᠣ᠂ 1.08 ᠳ᠋ᠦᠩᠰᠢᠭᠤᠷ ᠲᠦᠬᠦᠷᠢᠭ ᠪᠡᠯᠡ ᠣᠷᠣᠭᠤᠯᠣᠨ᠂ ᠶᠠᠳᠠᠭᠤ ᠠᠴᠠ | ᠠᠩᠬᠢᠵᠢᠷᠠᠭᠤᠯᠬᠤ ᠡᠬᠦᠷᠬᠡ ᠪᠠᠨ ᠪᠦᠬᠦ ᠬᠤᠲᠠ ᠳᠠᠭᠠᠨ ᠡᠩ ᠲᠡᠷᠢᠬᠦᠨ ᠳᠤ ᠪᠡᠶᠡᠯᠡᠬᠦᠯᠵᠣ᠂ ᠶᠠᠳᠠᠭᠤ ᠬᠦᠴᠢᠷᠳᠡᠯ | ᠤᠨ ᠨᠣᠷᠮ᠎ᠠ ᠵᠢᠯ ᠤᠨ ᠡᠬᠢᠨ ᠤ 6.7% ᠠᠴᠠ ᠪᠠᠭᠤᠷᠠᠭᠠᠳ 0.25% ᠪᠣᠯᠪᠠ︔ 2450 ᠲᠦᠬᠦᠷ ᠪᠠᠲᠣᠯᠠᠭ᠎ᠠ | ᠶᠢᠨ ᠣᠷᠣᠨ ᠰᠠᠭᠤᠴᠠ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ 5300 ᠡᠷᠣᠬᠡ ᠶᠢᠨ ᠨᠣᠷᠠᠬᠤ ᠠᠶᠣᠯᠲᠠᠢ | ᠭᠡᠷ ᠪᠠᠶᠢᠰᠢᠩ᠂ ᠬᠤᠲᠠ ᠪᠠᠯᠭᠠᠰᠣᠨ ᠤ 513 ᠡᠷᠣᠬᠡ ᠶᠢᠨ ᠬᠠᠭᠤᠴᠢᠨ ᠭᠡᠷ ᠪᠠᠶᠢᠰᠢᠩ ᠢ ᠰᠢᠨᠡᠳᠬᠡᠪᠡ︔ 1603. | 5 ᠲᠦᠮᠡᠨ ᠲᠦᠬᠦᠷᠢᠭ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠮᠦᠩᠬᠦ ᠲᠠᠯᠪᠢᠵᠣ᠂ ᠪᠦᠬᠦ ᠬᠤᠲᠠ ᠳᠠᠭᠠᠨ | ᠡᠩ ᠲᠡᠷᠢᠬᠦᠨ ᠳᠤ ᠬᠤᠲᠠ ᠬᠦᠳᠡᠭᠡ ᠶᠢᠨ ᠨᠢᠬᠡᠳᠣᠯᠲᠠᠢ ᠡᠮ ᠡᠮᠨᠡᠯᠬᠡ ᠶᠢᠨ ᠲᠠᠭᠠᠳᠬᠠᠯ ᠤᠨ ᠲᠦᠷᠢᠮ ᠢ | ᠬᠡᠷᠡᠭᠵᠢᠬᠦᠯᠪᠡ︔ ᠪᠦᠬᠦ ᠵᠢᠯ ᠳᠤ ᠬᠤᠳᠠ ᠪᠠᠯᠭᠠᠰᠤᠨ ᠳᠤ ᠰᠢᠨ᠎ᠠ ᠪᠠᠷ 973 ᠬᠦᠮᠤᠨ ᠳᠤ ᠠᠵᠢᠯ ᠤᠯᠭᠤᠨ᠂ | ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ ᠬᠤᠲᠠ ᠶᠢᠨ ᠲᠣᠭᠲᠠᠭᠠᠭᠰᠠᠨ ᠬᠠᠷᠠᠯᠲᠠ | ᠠᠴᠠ 0.81 ᠵᠠᠭᠤᠨ ᠤ ᠬᠤᠪᠢ ᠪᠠᠭᠤᠷᠠᠪᠠ᠃ ᠨᠠᠶᠢᠬᠡᠮ ᠤᠨ ᠤᠶᠢᠯᠡᠰ ᠦᠷᠨᠢᠩᠬᠦᠢ ᠬᠦᠭᠵᠢᠵᠤ᠂ ᠶᠡᠭᠡ ᠳᠤᠬᠤᠢ | ᠶᠢᠨ ᠬᠡᠤᠬᠡᠤᠨ ᠤᠨ ᠴᠡᠴᠡᠷᠯᠢᠭ ᠵᠡᠷᠬᠡ ᠭᠤᠷᠪᠠᠨ ᠴᠡᠴᠡᠷᠯᠢᠭ ᠠᠰᠢᠭᠯᠠᠯᠲᠠ ᠳᠤ ᠣᠷᠣᠵᠣ᠂ ᠬᠤᠰᠢᠭᠤ ᠲᠣᠮᠳᠠᠲᠣ | ᠰᠣᠷᠭᠠᠭᠤᠯᠢ ᠶᠢᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠭᠰᠠᠳ ᠤᠨ ᠨᠣᠷᠮ᠎ᠠ 58% ᠬᠦᠷᠴᠣ᠂ | ᠰᠣᠷᠭᠠᠭᠤᠯᠢ ᠪᠠᠶᠢᠭᠤᠯᠣᠭᠳᠠᠭᠰᠠᠨ ᠠᠴᠠ ᠨᠠᠭᠠᠰᠢᠬᠢ ᠬᠠᠮᠤᠭ ᠰᠠᠶᠢᠨ ᠬᠢᠷᠢ ᠪᠦᠳᠣᠮᠵᠢ ᠶᠢ ᠡᠬᠦᠳᠪᠡ︔ | ᠪᠤᠷᠤᠪᠠᠯᠭᠠᠰᠤ ᠭᠤᠤᠯᠳᠠᠯᠭᠠᠳᠤ ᠡᠷᠡᠬᠦᠯ ᠬᠠᠮᠠᠭᠠᠯᠠᠯ ᠤᠨ ᠬᠤᠷᠢᠶᠠᠠᠰᠢᠭᠯᠠᠯᠲᠠ ᠳᠤ ᠣᠷᠣᠵᠣ᠂ ᠮᠠᠯᠵᠢᠬᠤ | ᠲᠠᠷᠢᠶᠠᠯᠠᠬᠤ ᠣᠷᠣᠨ ᠤ ᠡᠷᠡᠬᠦᠯ ᠮᠡᠨᠳᠣ ᠶᠢᠨ ︽ᠡᠮ ᠤᠨ ᠬᠠᠶᠢᠷᠴᠠᠭ︾ ᠤᠨ ᠪᠦᠬᠦ ᠪᠦᠷᠬᠦᠴᠠ ᠶᠢ ᠪᠡᠶᠡᠯᠡᠬᠦᠯᠵᠤ᠂ | ᠠᠵᠠᠳᠠᠢ ᠡᠷᠡᠬᠦᠯᠵᠢᠯ ᠰᠤᠪᠢᠯᠠᠯ ᠤᠨ ᠬᠦᠷᠢᠶᠠᠯᠠᠩ ᠪᠠ ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠠ ᠨᠢ ᠤᠷᠳᠤᠰ | ᠤᠨ ︽ᠡᠮ ᠡᠮᠨᠡᠯᠬᠡ ᠡᠷᠡᠬᠦᠯᠵᠢᠯ ᠰᠤᠪᠢᠯᠠᠯ ᠢ ᠤᠶᠠᠯᠳᠤᠭᠤᠯᠤᠭᠰᠡᠨ︾ ᠳᠤᠷᠰᠢᠯᠳᠠ ᠶᠢᠨ ᠴᠡᠭ ᠪᠤᠯᠵᠤ᠂ ᠡᠮ | ᠡᠮᠴᠢᠯᠡᠭᠡ ᠡᠷᠡᠬᠦᠯ ᠬᠠᠮᠠᠭᠠᠯᠠᠯ ᠤᠨ ᠤᠷᠴᠢᠨ ᠬᠤᠰᠢᠭᠤ ᠪᠠᠶᠢᠭᠤᠯᠤᠭᠳᠠᠭᠰᠡᠨ ᠠᠴᠠ ᠨᠠᠭᠠᠰᠢ ᠬᠠᠮᠤᠭ ᠦᠨᠳᠤᠷ | ᠲᠦᠪᠰᠢᠨ ᠳᠤ ᠬᠦᠷᠪᠠ᠃ ︽ᠪᠦᠬᠦ ᠠᠷᠠᠳ ᠢᠶᠠᠷ ᠢᠶᠠᠨ ᠨᠣᠮ ᠣᠩᠰᠢᠬᠤ ᠣᠨ︾ ᠤ ᠠᠵᠢᠯᠯᠠᠭ᠎ᠠ ᠦᠷᠨᠢᠬᠦᠯᠵᠣ᠂ | ᠭᠠᠴᠠᠭ᠎ᠠ ᠱᠠᠲᠣᠨ ᠤ ᠰᠣᠶᠣᠯ ᠤᠨ ᠭᠡᠷ 34᠂ ᠮᠠᠯᠴᠢᠨ ᠲᠠᠷᠢᠶᠠᠴᠢᠨ ᠠᠶᠢᠯ ᠤᠨ ᠨᠣᠮ ᠤᠨ ᠦᠷᠦᠬᠡ 200 | ᠪᠠᠶᠢᠭᠤᠯᠣᠨ᠂ ︽ᠰᠣᠶᠣᠯ ᠢ ᠲᠣᠭᠠᠴᠠᠯᠠᠨ ᠮᠠᠯᠴᠢᠳ ᠲᠤ ᠡᠳ᠋ᠯᠡᠬᠦᠯᠬᠦ︾ ᠲᠦᠷᠦᠯ ᠵᠦᠢᠯ ᠢ 30 ᠬᠡᠷᠡᠭᠵᠢᠬᠦᠯᠵᠣ᠂ | ᠬᠤᠲᠠ ᠬᠦᠳᠡᠭᠡ ᠶᠢᠨ ᠣᠯᠠᠨ ᠲᠦᠮᠡᠨ ᠤ ᠨᠡᠮ ᠣᠩᠰᠢᠬᠤ ᠢᠳᠡᠪᠬᠢᠵᠢᠯ ᠢ ᠨᠡᠮᠡᠭᠳᠡᠬᠦᠯᠪᠡ᠃ ︽ᠦᠭᠬᠢᠶᠡᠮᠦᠷ | ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ︾ ᠨᠠᠶᠢᠭᠡᠮ ᠤᠨ ᠵᠠᠰᠠᠯᠳᠠ ᠶᠢᠨ | ᠢᠨᠵᠧᠨᠧᠷᠢᠩ ᠢ ᠯᠠᠪᠳᠠᠭᠤᠨ ᠪᠠᠲᠣᠲᠠᠢ ᠠᠬᠢᠭᠤᠯᠵᠣ᠂ ︽ᠮᠤᠷᠠᠯ ᠢᠶᠠᠷ ᠵᠠᠰᠠᠬᠤ᠂ ᠦᠪᠡᠷᠳᠡᠬᠡᠨ ᠵᠠᠰᠠᠬᠤ᠂ ᠬᠠᠮᠳᠤ | ᠪᠠᠷ ᠵᠠᠰᠠᠬᠤ᠂ ᠬᠠᠤᠯᠢ ᠪᠠᠷ ᠵᠠᠰᠠᠬᠤ︾ ᠲᠦᠷᠪᠠ ᠶᠢ ᠨᠢᠬᠡ ᠴᠤᠭᠴᠠᠵᠢᠭᠤᠯᠤᠭᠰᠡᠨ ᠨᠠᠶᠢᠬᠡᠮ ᠤᠨ ᠵᠠᠰᠠᠯᠳᠠ ᠶᠢᠨ | ᠵᠠᠭᠪᠤᠷ ᠢ ᠪᠦᠬᠦ ᠬᠤᠳᠠ ᠳᠤ ᠳᠡᠯᠬᠡᠷᠡᠬᠦᠯᠤᠨ ᠬᠡᠷᠡᠭᠯᠡᠵᠤ᠂ ᠪᠦᠬᠦ ᠬᠤᠲᠠ ᠶᠢᠨ ᠠᠶᠣᠯᠬᠦᠢ ᠦᠢᠯᠡᠳᠪᠣᠷᠢᠯᠡᠯ ᠤᠨ | ᠲᠡᠷᠢᠬᠦᠨ ᠤ ᠬᠤᠰᠢᠭᠤ ᠪᠠᠷ ᠦᠨᠡᠯᠡᠭᠳᠡᠨ᠂ ᠰᠦᠯᠵᠢᠶᠡᠨ ᠲᠡᠬᠡᠷᠡᠬᠢ ᠵᠠᠬᠢᠳᠠᠯ ᠰᠣᠷᠪᠣᠯᠵᠢᠯᠠᠭ᠎ᠠ ᠶᠢᠨ ᠦᠨᠳᠣᠰᠣᠨ | ᠱᠠᠲᠣᠨ ᠳᠠᠬᠢ ᠬᠡᠷᠡᠭᠯᠡᠬᠡᠨ ᠤ ᠠᠵᠢᠯ ᠤᠨ ᠲᠣᠷᠰᠢᠯᠭ᠎ᠠ ᠪᠦᠬᠦ ᠣᠯᠣᠰ ᠲᠤ ᠲᠦᠬᠡᠮᠡᠯᠵᠢᠵᠣ᠂ ᠣᠯᠠᠨ ᠲᠦᠮᠡᠨ ᠤ | ᠵᠠᠬᠢᠳᠠᠯ ᠰᠣᠷᠪᠣᠯᠵᠢᠯᠠᠭ᠎ᠠ ᠶᠢᠨ ᠬᠦᠮᠦᠨ ᠣᠳᠠᠭ᠎ᠠ᠂ ᠪᠦᠯᠦᠭ ᠣᠳᠠᠭ᠎ᠠ ᠲᠣᠰᠪᠣᠷᠢ ᠪᠠᠭᠤᠷᠠᠭᠠᠳ 35.3% ᠪᠠ 14. | 5% ᠪᠣᠯᠪᠠ᠃ ︽ᠠᠮᠣᠷ ᠠᠮᠣᠭᠤᠯᠠᠩ ᠡᠮᠣᠨᠡᠲᠣ ᠣᠲᠤᠭ︾ ᠤᠨ ᠪᠠᠶᠢᠭᠤᠯᠣᠯᠲᠠ ᠪᠦᠲᠤᠮᠵᠢᠲᠠᠢ ᠶᠠᠪᠣᠭᠳᠠᠵᠣ ᠂ | 5500 ᠲᠦᠮᠡᠨ ᠲᠦᠬᠦᠷᠢᠭ ᠪᠡᠯᠡ ᠣᠷᠣᠭᠤᠯᠣᠨ ︽ᠲᠡᠭᠷᠢ ᠶᠢᠨ ᠲᠣᠣᠷ︾ ᠤᠨ ᠭᠤᠷᠪᠠᠳᠣᠭᠠᠷ ᠬᠤᠭᠤᠴᠠᠭᠠᠨ ᠤ | ᠢᠨᠵᠧᠨᠧᠷᠢᠩ ᠢ ᠪᠠᠶᠢᠭᠤᠯᠵᠣ᠂ ᠦᠪᠡᠷᠳᠡᠬᠡᠨ ᠵᠠᠰᠠᠬᠤ ᠤᠷᠤᠨ ᠤ ᠳᠤᠭ᠎ᠠ ᠪᠦᠷᠢᠤᠨᠬᠡᠯ ᠤᠨ ᠳᠤᠪᠴᠢᠶ᠎ᠠ ᠶᠢᠨ ᠠᠷᠠᠤᠨ | ᠤᠨ ᠪᠠᠶᠢᠴᠠᠭᠠᠯᠳᠠ ᠶᠢᠨ ᠲᠦᠪ ᠤᠨ ᠪᠠᠶᠢᠴᠠᠭᠠᠯᠳᠠ ᠳᠤ ᠨᠠᠶᠢᠬᠡᠮ ᠤᠨ ᠠᠮᠤᠷ ᠳᠤᠭᠳᠠᠭᠤᠨ ᠤ ᠬᠠᠨᠤᠮᠵᠢ ᠪᠠ ᠠᠮᠣᠷ | ᠲᠦᠪᠰᠢᠨ ᠤ ᠪᠠᠶᠢᠳᠠᠯ 100% ᠪᠠᠷ ᠦᠨᠡᠯᠡᠭᠳᠡᠪᠠ᠃ ᠡᠳᠡᠬᠡᠷ ᠪᠣᠳᠠᠲᠣ ᠣᠴᠢᠷ ᠤᠨ ᠦᠷ᠎ᠡ ᠪᠦᠲᠦᠮᠵᠢ ᠨᠢ | ᠬᠦᠭᠵᠢᠯᠲᠡ ᠶᠢᠨ ᠦᠷ᠎ᠡ ᠪᠦᠲᠦᠬᠡᠯ ᠢ ᠠᠷᠠᠳ ᠲᠦᠮᠡᠨᠳᠤ ᠲᠦᠬᠡᠮᠡᠯ ᠬᠦᠷᠲᠡᠬᠡᠭᠰᠡᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠠ ᠬᠦᠴᠦᠨ ᠢᠶᠠᠨ ᠲᠦᠪᠯᠡᠷᠡᠬᠦᠯᠣᠨ ᠪᠠᠶᠢᠷᠢᠯᠠᠭᠤᠯᠣᠯᠲᠠ ᠶᠢ ᠰᠢᠯᠢᠳᠡᠭᠵᠢᠬᠦᠯᠣᠨ | ᠂ ᠪᠦᠲᠦᠴᠡ ᠶᠢ ᠲᠣᠬᠢᠷᠠᠭᠤᠯᠵᠣ᠂ ᠮᠠᠯ ᠲᠠᠷᠢᠶᠠᠯᠠᠩ ᠤᠨ ᠠᠵᠣ ᠦᠢᠯᠡᠰ ᠤᠨ ᠲᠡᠰ ᠲᠠᠪᠬᠤᠷᠭ᠎ᠠ ᠶᠢ ᠪᠦᠬᠦ ᠲᠠᠯ᠎ᠠ | ᠪᠠᠷ ᠲᠡᠬᠡᠭᠰᠢᠯᠡᠬᠦᠯᠪᠡ᠃ ᠠᠵᠣ ᠦᠢᠯᠡᠰ ᠤᠨ ᠪᠦᠲᠦᠴᠡ ᠶᠢ ᠲᠣᠬᠢᠷᠠᠭᠤᠯᠣᠨ ᠬᠠᠩᠭᠠᠯᠭ᠎ᠠ ᠶᠢ ᠰᠢᠯᠢᠳᠡᠭᠵᠢᠬᠦᠯᠬᠦ᠂ | ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠶᠢ ᠭᠤᠣᠯ ᠡᠬᠦᠷᠭᠡ ᠪᠣᠯᠭᠠᠨ | ᠪᠠᠷᠢᠮᠲᠠᠯᠠᠵᠣ᠂ ︽ᠪᠣᠭ ᠮᠠᠯ ᠤᠨ ᠲᠤᠭ᠎ᠠ ᠲᠣᠯᠣᠭᠠᠢ ᠶᠢ ᠲᠣᠭᠲᠠᠪᠣᠷᠢᠵᠢᠭᠤᠯᠣᠨ ᠦᠬᠡᠷ ᠢ ᠨᠡᠮᠡᠭᠳᠡᠬᠦᠯᠵᠣ᠂ ᠬᠤᠶᠢᠳᠣ | ᠪᠡᠶ᠎ᠡ ᠳᠤ ᠮᠠᠯ ᠮᠠᠯᠯᠠᠨ ᠡᠮᠣᠨᠡᠲᠣ ᠬᠡᠰᠡᠭ ᠲᠤ ᠠᠮᠣ ᠪᠣᠳᠠᠭ᠎ᠠ ᠲᠠᠷᠢᠬᠤ︾ ᠪᠠᠶᠢᠯᠳᠣᠬᠤ ᠪᠣᠳᠣᠯᠭ᠎ᠠ ᠶᠢ | ᠬᠡᠷᠡᠭᠵᠢᠬᠦᠯᠣᠨ᠂ ᠬᠤᠶᠢᠳᠣ ᠪᠡᠶ᠎ᠡ ᠶᠢᠨ ᠠᠮᠢ ᠠᠬᠤᠶᠢᠴᠢ ᠮᠠᠯ ᠠᠵᠣ ᠠᠬᠤᠢ ᠪᠣᠯᠣᠨ ᠡᠮᠣᠨᠡᠲᠣ ᠬᠡᠰᠡᠭ ᠤᠨ ᠦᠨᠳᠣᠷ | ᠦᠷ᠎ᠡ ᠠᠰᠢᠭᠲᠣ ᠮᠠᠯ ᠲᠠᠷᠢᠶᠠᠯᠠᠩ ᠤᠨ ᠠᠵᠣ ᠦᠢᠯᠡᠰ ᠤᠨ ᠲᠠᠭᠤᠷᠢᠶᠠᠯ ᠪᠦᠰᠡ ᠶᠢᠨ ᠪᠠᠶᠢᠭᠤᠯᠣᠯᠲᠠ ᠶᠢ | ᠠᠬᠢᠭᠤᠯᠵᠣ᠂ 24 ᠲᠦᠮᠡᠨ ᠮᠣ᠋ ᠬᠡᠪᠴᠢᠶᠡᠵᠢᠭᠰᠡᠨ ᠣᠳᠣ ᠦᠶ᠎ᠡ ᠶᠢᠨ ᠮᠠᠯ ᠲᠠᠷᠢᠶᠠᠯᠠᠩ ᠤᠨ ᠰᠠᠭᠤᠷᠢᠨ ᠪᠠᠶᠢᠭᠤᠯᠵᠣ | ᠂ ᠦᠨᠳᠣᠷ ᠪᠦᠲᠣᠮᠵᠢᠲᠣ ᠣᠰᠣ ᠠᠷᠪᠢᠯᠠᠬᠤ ᠲᠠᠷᠢᠶᠠᠯᠠᠩ ᠢ 48 ᠲᠦᠮᠡᠨ ᠮᠣ᠋ ᠦᠷᠬᠡᠳᠬᠡᠵᠣ᠂ ᠰᠢᠨ᠎ᠡ ᠪᠠᠷ ᠴᠢᠨᠠᠷ | ᠰᠠᠶᠢᠲᠠᠢ ᠲᠡᠵᠢᠬᠡᠯ ᠡᠪᠡᠰᠣ ᠪᠣᠷᠳᠤᠭ᠎ᠠ ᠶᠢ 6 ᠲᠦᠮᠡᠨ ᠮᠣ᠋ ᠂ ᠣᠨᠴᠠᠯᠢᠭᠲᠣ ᠠᠵᠣ ᠠᠬᠤᠢ ᠶᠢᠨ ᠲᠠᠷᠢᠮᠠᠯ ᠢ 4 | ᠲᠦᠮᠡᠨ ᠮᠣ᠋ ᠨᠡᠮᠡᠭᠳᠡᠬᠦᠯᠣᠨ᠂ ︽ᠠᠮᠣ ᠪᠣᠳᠠᠭ᠎ᠠ ᠠᠵᠣ ᠠᠬᠤᠢ ᠶᠢᠨ ᠲᠠᠷᠢᠮᠠᠯ ᠲᠡᠵᠢᠬᠡᠯ ᠡᠪᠡᠰᠣ ᠪᠣᠷᠳᠤᠭ᠎ᠠ︾ ᠶᠢᠨ | ᠬᠠᠷᠢᠴᠠᠯ ᠢ 2015 ᠤᠨ ᠤ 54᠄ 32᠄ 14 ᠠᠴᠠ ᠰᠢᠯᠢᠳᠡᠭᠵᠢᠬᠦᠯᠣᠨ42᠄ 37᠄ 21 ᠪᠣᠯᠭᠠᠪᠠ︔ | ᠲᠡᠵᠢᠬᠡᠪᠣᠷᠢ ᠶᠢᠨ ᠲᠣᠯᠣᠭᠠᠶᠢᠯᠠᠭᠴᠢ ᠠᠵᠣ ᠠᠬᠤᠶᠢᠯᠠᠯ ᠢ 4 ᠣᠷᠣᠭᠤᠯᠣᠨ ᠲᠠᠷᠢᠵᠣ ᠲᠡᠵᠢᠬᠡᠬᠦ ᠪᠦᠲᠣᠴᠡ ᠶᠢᠨ | ᠲᠣᠬᠢᠷᠠᠭᠤᠯᠣᠯᠲᠠ ᠶᠢ ᠠᠬᠢᠭᠤᠯᠵᠣ᠂ ᠪᠣᠯᠪᠠᠰᠣᠷᠠᠭᠤᠯᠬᠤ ᠬᠡᠯᠪᠡᠷᠢ ᠶᠢᠨ ᠬᠤᠶᠠᠷ ᠲᠣᠯᠣᠭᠠᠶᠢᠯᠠᠭᠴᠢ ᠠᠵᠣ ᠠᠬᠤᠶᠢᠯᠠᠯ | ᠤᠨ ᠠᠯᠠᠰᠢᠨ ᠪᠣᠭ ᠮᠠᠯ᠂ ᠠᠯᠠᠰᠢᠨ ᠦᠬᠡᠷ ᠡᠳ᠋ᠰᠢᠬᠦᠯᠬᠦ ᠴᠢᠳᠠᠪᠣᠷᠢ 40 ᠲᠦᠮᠡ ᠪᠠ 1 ᠲᠦᠮᠡᠨ ᠲᠣᠯᠣᠭᠠᠢ ᠳᠤ | ᠬᠦᠷᠴᠤ᠂ ᠪᠦᠬᠦ ᠬᠤᠰᠢᠭᠤᠨ ᠤ ᠮᠠᠯᠵᠢᠯ ᠤᠨ ᠣᠨ ᠤ ᠮᠠᠯ ᠰᠢᠢᠳᠪᠣᠷᠢᠯᠡᠯᠲᠡ ᠶᠢ 141 ᠲᠦᠮᠡᠨ ᠲᠣᠯᠣᠭᠠᠢ ᠳᠤ | ᠲᠣᠭᠲᠠᠪᠣᠷᠢᠵᠢᠭᠤᠯᠣᠨ᠂ ᠠᠯᠠᠰᠢᠨ ᠦᠬᠡᠷ ᠲᠡᠵᠢᠬᠡᠬᠦ ᠬᠡᠪᠴᠢᠶᠡᠵᠢᠯ ᠢ 19% ᠨᠡᠮᠡᠭᠳᠡᠬᠦᠯᠪᠡ᠃ ︽ᠲᠡᠭᠷᠢᠯᠢᠭ | ᠬᠠᠶᠢᠷ᠎ᠠ︾᠂ ︽ᠬᠠᠭᠠᠨ ᠰᠦᠯᠳᠡ︾ ᠵᠡᠷᠬᠡᠮᠠᠯ ᠲᠠᠷᠢᠶᠠᠯᠠᠩ ᠤᠨ 19 ᠨᠡᠷᠡᠲᠣ ᠲᠡᠮᠳᠡᠭᠲᠣ ᠪᠦᠲᠤᠬᠡᠭᠳᠡᠬᠦᠨ ᠣᠷᠣᠨ | ᠤ ᠲᠣᠳᠣᠨ᠎ᠠ ᠭᠠᠳᠠᠨ᠎ᠠ ᠪᠣᠷᠣᠯᠠᠭᠤᠯᠭ᠎ᠠ ᠰᠠᠶᠢᠲᠠᠢ ᠪᠣᠯᠪᠠ᠃ ᠠᠵᠣ ᠦᠢᠯᠡᠰ ᠤᠨ ᠪᠦᠲᠣᠴᠡ ᠶᠢᠨ ᠲᠣᠬᠢᠷᠠᠭᠤᠯᠣᠯᠲᠠ | ᠶᠢᠨ ᠲᠠᠭᠤᠷᠢᠶᠠᠯ ᠭᠠᠴᠠᠭ᠎ᠠ ᠲᠣᠰᠬᠤᠨ ᠢ 11᠂ ᠭᠤᠣᠯᠳᠠᠯᠭᠠᠲᠣ ᠭᠠᠴᠠᠭ᠎ᠠ ᠲᠣᠰᠬᠤᠨ ᠢ 16 ᠪᠣᠶᠢᠵᠢᠭᠤᠯᠵᠣ᠂ | ᠲᠡᠵᠢᠬᠡᠪᠣᠷᠢ ᠶᠢᠨ ᠬᠦᠷᠢᠶᠡᠯᠡᠩ ᠢ 13᠂ ᠲᠡᠵᠢᠬᠡᠪᠣᠷᠢ ᠶᠢᠨ ᠲᠣᠮᠣ ᠡᠷᠣᠬᠡ ᠶᠢ 165᠂ ᠠᠮᠢ ᠠᠬᠤᠶᠢᠴᠢ ᠭᠡᠷ | ᠪᠦᠯᠢ ᠶᠢᠨ ᠮᠠᠯᠵᠢᠯ ᠤᠨ ᠲᠠᠯᠠᠪᠠᠢ ᠶᠢ 73 ᠪᠠᠶᠢᠭᠤᠯᠣᠨ᠂ 17 ᠬᠠᠮᠲᠣᠷᠠᠯ ᠬᠤᠷᠰᠢᠶ᠎ᠠ ᠶᠢ ᠲᠡᠮᠵᠢᠨ ᠲᠡᠳᠬᠦᠪᠡ᠃ | ᠰᠢᠨ᠎ᠡ ᠮᠠᠶ᠋ᠢᠭ ᠤᠨ ᠠᠵᠢᠯ ᠮᠡᠷᠬᠡᠵᠢᠯ ᠤᠨ ᠮᠠᠯᠴᠢᠨ ᠲᠠᠷᠢᠶᠠᠴᠢᠨ ᠢ ᠪᠣᠯᠪᠠᠰᠣᠷᠠᠭᠤᠯᠬᠤ ᠢᠨᠵᠧᠨᠧᠷᠢᠩ ᠢ | ᠬᠡᠷᠡᠭᠵᠢᠬᠦᠯᠵᠣ᠂ ᠮᠠᠯ ᠲᠠᠷᠢᠶᠠᠯᠠᠩ ᠤᠨ 58 ᠲᠦᠷᠦᠯ ᠤᠨ ᠮᠡᠷᠬᠡᠵᠢᠯ ᠤᠨ ᠡᠬᠦᠳᠣᠯᠲᠡ ᠣᠯᠣᠰ ᠤᠨ ᠲᠣᠰᠬᠠᠢ | ᠠᠰᠢᠭ ᠣᠯᠵᠣ᠂ ᠰᠢᠨᠵᠢᠯᠡᠭᠡ ᠮᠡᠷᠬᠡᠵᠢᠯ ᠤᠨ ᠮᠠᠯ ᠲᠠᠷᠢᠶᠠᠯᠠᠩ ᠳᠠᠬᠢ ᠬᠤᠪᠢ ᠨᠡᠮᠡᠷᠢ 70% ᠳᠤ ᠬᠦᠷᠴᠤ᠂ ᠪᠦᠬᠦ | ᠣᠯᠣᠰ ᠤᠨ ᠠᠩᠬᠠᠳᠠᠭᠴᠢ ᠪᠦᠯᠦᠭᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠣᠯᠲᠡ ᠶᠢᠨ ᠲᠠᠭᠤᠷᠢᠶᠠᠯ ᠬᠤᠰᠢᠭᠤ | ᠶᠢ ᠠᠮᠵᠢᠯᠲᠠ ᠲᠠᠢ ᠴᠣᠭᠴᠠᠯᠠᠪᠠ᠃ ᠡᠳᠡᠭᠡᠷ ᠰᠢᠷᠢᠰ ᠪᠦᠲᠣᠴᠡ ᠶᠢᠨ ᠲᠣᠬᠢᠷᠠᠭᠤᠯᠣᠯᠲᠠ ᠶᠢᠨ ᠡᠯᠪᠡᠭ ᠪᠦᠲᠣᠭᠡᠯ ᠨᠢ | ᠣᠷᠣᠯᠭ᠎ᠠ ᠶᠢᠨ ᠨᠡᠮᠡᠭᠳᠡᠯ ᠤᠨ ᠲᠠᠯᠳᠠ ᠬᠦᠴᠣᠨ ᠢ ᠠᠭᠤᠲᠠᠯᠠᠵᠣ᠂ ᠣᠷᠣᠯᠭ᠎ᠠ ᠶᠢᠨ ᠨᠡᠮᠡᠭᠳᠡᠯ ᠤᠨ ᠰᠠᠭᠤᠷᠢ ᠶᠢ | ᠪᠠᠬᠢᠵᠢᠬᠦᠯᠣᠭ᠍ᠰᠡᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠠ ᠣᠯᠠᠨ ᠠᠷᠭ᠎ᠠ ᠪᠠᠷᠢᠯ ᠢ ᠬᠠᠮᠲᠣᠳᠬᠠᠨ ᠨᠡᠷᠡᠲᠣ ᠲᠡᠮᠲᠡᠭ ᠢ ᠱᠣᠭᠤᠨ᠂ | ᠲᠡᠰ ᠲᠠᠪᠰᠢᠯᠲᠠ ᠶᠢ ᠠᠳᠬᠤᠵᠣ᠂ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠠᠮᠢᠲᠣᠯᠢᠭ ᠬᠦᠴᠤᠨ ᠢ | ᠢᠯᠡᠷᠬᠡᠢ ᠲᠡᠬᠡᠭᠰᠢᠯᠡᠬᠦᠯᠪᠡ᠃ ᠦᠪᠡᠷᠮᠢᠴᠡ ᠣᠨᠴᠠᠯᠢᠭ ᠢ ᠲᠣᠪᠣᠶᠢᠯᠭᠠᠬᠤ᠂ ᠰᠢᠨ᠎ᠡ ᠪᠦᠲᠣᠮᠵᠢ ᠡᠬᠦᠳᠬᠦ᠂ | ᠲᠣᠲᠠᠭᠤᠳᠠᠯ ᠢᠶᠠᠨ ᠨᠦᠬᠦᠪᠣᠷᠢᠯᠡᠬᠦ ᠶᠢ ᠪᠠᠷᠢᠮᠲᠠᠯᠠᠵᠣ᠂ ᠦᠢᠯᠡᠴᠢᠯᠡᠬᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠬᠤ | ᠬᠦᠭᠵᠢᠬᠦᠯᠣᠯᠲᠡ ᠶᠢ ᠪᠦᠬᠦ ᠬᠦᠴᠦᠨ ᠢᠶᠠᠷ ᠠᠬᠢᠭᠤᠯᠪᠠ᠃ ︽1+6︾ ᠬᠤᠪᠢᠰᠬᠠᠯᠲᠣ ᠬᠦᠮᠦᠵᠢᠯ ᠪᠣᠯᠪᠠᠰᠣᠷᠠᠯ | ᠤᠨ ᠰᠠᠭᠤᠷᠢᠨ ᠭᠠᠵᠠᠷ ᠢ ᠦᠪᠡᠷᠲᠡᠬᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠳᠤ ᠲᠡᠪᠰᠢᠬᠦᠯᠬᠦ | ᠪᠡᠯᠡᠭ ᠤᠨ ᠲᠦᠷᠦᠯ ᠵᠦᠢᠯ ᠪᠣᠯᠭᠠᠵᠣ᠂ ᠭᠤᠣᠯ ᠪᠠᠷᠢᠯᠭ᠎ᠠ ᠶᠢ ᠲᠠᠭᠤᠰᠬᠠᠨ᠂ ᠲᠡᠯᠬᠡᠨ ᠦᠵᠡᠬᠦᠯᠣᠬᠡ ᠶᠢᠨ | ᠬᠦᠳᠣᠯᠪᠣᠷᠢ ᠪᠣᠯᠣᠨ ᠲᠡᠣᠬᠡᠨ ᠲᠣᠷᠠᠰᠬᠠᠯᠲᠣ ᠵᠦᠢᠯᠡᠰ ᠴᠣᠭᠯᠠᠭᠤᠯᠬᠤ ᠠᠵᠢᠯ ᠢ ᠢᠵᠢᠯ ᠠᠯᠬᠤᠮ ᠢᠶᠠᠷ ᠠᠬᠢᠭᠤᠯᠵᠣ᠂ | ᠡᠳᠣᠬᠡᠶᠠᠭ ᠪᠦᠬᠦ ᠣᠯᠣᠰ ᠤᠨ ᠡᠬᠡ ᠣᠷᠣᠨᠴᠢ ᠬᠦᠮᠦᠵᠢᠯ ᠤᠨ ᠰᠠᠭᠤᠷᠢᠨ ᠢᠶᠠᠷ ᠮᠡᠳᠡᠬᠦᠯᠣᠨ ᠵᠦᠪᠰᠢᠶᠡᠷᠡᠬᠦᠯᠵᠣ | ᠪᠣᠢ︔ ᠵᠡᠬᠦᠨ ᠪᠠᠷᠠᠭᠤᠨ ᠬᠤᠶᠠᠷ ᠱᠣᠭᠤᠮ ᠤᠨ ᠵᠢᠭᠤᠯᠴᠢᠯᠠᠯ ᠤᠨ ᠡᠬᠢ ᠰᠣᠷᠪᠣᠯᠵᠢ ᠶᠢ ᠬᠠᠮᠳᠣᠷᠠᠭᠤᠯᠣᠨ ᠨᠡᠬᠡᠬᠡᠵᠣ | ᠂ ᠮᠠᠯᠴᠢᠨ ᠠᠶᠢᠯ ᠤᠨ ᠵᠤᠭᠠᠴᠠᠯ᠂ ᠳᠠᠷᠢᠶᠠᠴᠢᠨ ᠠᠶᠢᠯ ᠤᠨ ᠪᠠᠶᠠᠰᠤᠯ᠂ ᠡᠷᠡᠬᠦᠯᠵᠢᠯ ᠰᠣᠪᠢᠯᠠᠯ ᠤᠨ ᠵᠢᠭᠤᠯᠴᠢᠯᠠᠯ | ᠵᠡᠷᠬᠡ ᠵᠢᠭᠤᠯᠴᠢᠯᠠᠯ ᠤᠨ ᠤᠶᠢᠯᠡᠰ ᠤᠨ ᠬᠦᠭᠵᠢᠯᠳᠠ ᠶᠢ ᠠᠬᠢᠭᠤᠯᠣᠨ᠂ ︽ᠮᠠᠯᠴᠢᠨ ᠳᠠᠷᠢᠶᠠᠴᠢᠨ ᠠᠶᠢᠯ ᠤᠨ | ᠪᠠᠶᠠᠰᠤᠯ︾ ᠵᠤᠴᠢᠯᠠᠭ᠎ᠠ ᠶᠢᠨ ᠡᠷᠤᠬᠡ ᠶᠢ 75 ᠨᠡᠮᠡᠭᠳᠡᠬᠦᠯᠪᠠ᠃ ︽ᠮᠦᠩᠬᠦᠨ ᠡᠪᠤᠯ ᠤᠨ ᠨᠠᠭᠠᠳᠤᠮ︾᠂ ︽ | ᠭᠤᠯᠤᠮᠳᠠ ᠭᠠᠯ ᠰᠣᠶᠣᠯ ᠤᠨ ᠨᠠᠶᠢᠷ︾᠂ ︽ᠴᠠᠬᠢᠷᠮ᠎ᠠ ᠴᠡᠴᠡᠭᠤᠨ ᠨᠠᠶᠢᠷ︾ ᠵᠡᠷᠬᠡ ᠪᠠᠶᠠᠷ ᠴᠡᠩᠬᠡᠯ ᠤᠨ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ᠂ ᠭᠠᠵᠠᠷ ᠣᠷᠣᠨ ᠤ ᠨᠦᠯᠦᠬᠡᠯᠡᠬᠦ ᠬᠦᠴᠦᠨ ᠢ ᠣᠯᠠᠮ ᠲᠡᠬᠡᠭᠰᠢᠯᠡᠬᠦᠯᠵᠣ᠂ | ᠪᠦᠬᠦ ᠵᠢᠯ 80 ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠵᠤᠴᠢᠯᠡᠵᠤ᠂ 16.2% | ᠨᠡᠮᠡᠭᠳᠡᠨ᠂ 24.7 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠣᠷᠣᠯᠭ᠎ᠠ ᠣᠯᠵᠣ᠂ 28.6% ᠨᠡᠮᠡᠭᠳᠡᠪᠡ᠃ | ᠡᠯᠧᠺᠲᠷᠣᠨ ᠠᠷᠠᠯᠵᠢᠶ᠎ᠠ᠂ ᠣᠲᠣ ᠦᠶ᠎ᠡ ᠶᠢᠨ ᠪᠣᠳᠠᠰ ᠤᠨ ᠬᠦᠢᠯᠬᠡᠬᠡᠨ ᠤ ᠠᠵᠣ ᠦᠢᠯᠡᠰ ᠤᠨ ᠬᠦᠭᠵᠢᠯᠲᠡ ᠶᠢᠨ | ᠲᠦᠯᠦᠪᠵᠢᠬᠦᠯᠬᠡ ᠶᠢ ᠨᠠᠶᠢᠷᠠᠭᠤᠯᠵᠣ ᠲᠠᠭᠤᠰᠬᠠᠨ᠂ ᠱᠠᠩᠬᠠᠢ ᠶᠢᠨ ᠰᠦᠮ᠎ᠠ ᠶᠢᠨ ᠶᠡᠷᠤᠩᠬᠡᠶᠢᠯᠡᠭᠰᠡᠨ ᠪᠤᠳᠠᠰ ᠤᠨ | ᠬᠦᠢᠯᠬᠡᠬᠡᠨ ᠤ ᠬᠦᠷᠢᠶᠡᠯᠡᠩ ᠢ ᠡᠬᠢᠯᠡᠨ ᠪᠠᠶᠢᠭᠤᠯᠵᠣ᠂ ᠡᠯᠧᠺᠲᠷᠣᠨ ᠠᠷᠠᠯᠵᠢᠶᠠᠨ ᠤ ᠰᠠᠭᠤᠷᠢᠨ ᠳᠤ 7 ᠠᠵᠣ | ᠠᠬᠤᠶᠢᠯᠠᠯ ᠰᠠᠭᠤᠷᠢᠰᠢᠵᠣ᠂ ᠦᠪᠡᠷᠳᠡᠬᠡᠨ ᠵᠠᠰᠠᠬᠤ ᠤᠷᠤᠨ ᠤ ᠡᠯᠧᠺᠲᠷᠣᠨ ᠠᠷᠠᠯᠵᠢᠶᠠᠨ ᠤ ᠲᠠᠭᠤᠷᠢᠶᠠᠯ | ᠰᠠᠭᠤᠷᠢᠨ ᠢᠶᠠᠷ ᠵᠦᠪᠰᠢᠶᠡᠷᠡᠭᠳᠡᠪᠡ︔ ᠡᠯᠧᠺᠲᠷᠣᠨ ᠠᠷᠠᠯᠵᠢᠶᠠᠨ ᠤ ᠲᠠᠪᠴᠠᠩ ᠤᠨ ᠪᠣᠷᠣᠯᠠᠭᠤᠯᠭ᠎ᠠ ᠶᠢᠨ ᠣᠷᠣᠯᠭ᠎ᠠ | 1 ᠳ᠋ᠦᠩᠰᠢᠭᠤᠷ ᠲᠦᠬᠦᠷᠢᠭ ᠢ ᠳᠠᠪᠠᠵᠤ᠂ ᠰᠣᠶᠣᠯ ᠤᠨ ᠠᠵᠤ ᠦᠢᠯᠡᠰ ᠤᠨ ᠬᠦᠷᠢᠶᠡᠯᠡᠩᠦᠪᠡᠷᠳᠡᠬᠡᠨ ᠵᠠᠰᠠᠬᠤ | ᠤᠷᠤᠨ ᠤ ᠪᠦᠲᠦᠬᠡᠯᠴᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠢᠶᠠᠷ ᠦᠨᠡᠯᠡᠭᠳᠡᠪᠠ᠃ ᠡᠳᠡᠬᠡᠷ ᠬᠠᠩᠭᠠᠯᠭ᠎ᠠ | ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢᠨ ᠦᠷ᠎ᠡ ᠪᠦᠲᠦᠬᠡᠯ ᠨᠢ ᠠᠵᠣ ᠦᠢᠯᠡᠰ ᠤᠨ ᠲᠡᠰ | ᠲᠠᠪᠰᠢᠯᠲᠠ ᠶᠢ ᠠᠬᠢᠭᠤᠯᠵᠣ᠂ ᠬᠦᠭᠵᠢᠯᠲᠡ ᠶᠢᠨ ᠠᠮᠢᠲᠣᠯᠢᠭ ᠬᠦᠴᠦᠨ ᠢ ᠲᠡᠬᠡᠭᠰᠢᠯᠡᠬᠦᠯᠣᠭ᠍ᠰᠡᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠠ ᠦᠷᠬᠦᠯᠵᠢ ᠬᠦᠴᠦᠯᠡᠨ ᠲᠣᠲᠠᠭᠤᠳᠠᠯ ᠢ ᠨᠦᠬᠦᠪᠣᠷᠢᠯᠡᠨ᠂ ᠰᠠᠭᠤᠷᠢ ᠶᠢ | ᠪᠠᠬᠢᠵᠢᠬᠦᠯᠵᠣ᠂ ᠬᠤᠲᠠ ᠬᠦᠳᠡᠭᠡ ᠶᠢᠨ ᠶᠡᠷᠣᠩᠬᠡᠶᠢᠯᠡᠭᠰᠡᠨ ᠠᠴᠢᠶᠠᠯᠠᠬᠤ ᠴᠢᠳᠠᠪᠣᠷᠢ ᠶᠢ ᠪᠦᠳᠦᠮᠵᠢᠲᠠᠢ | ᠲᠡᠬᠡᠭᠰᠢᠯᠡᠬᠦᠯᠪᠡ᠃ ᠲᠣᠲᠠᠭᠤᠳᠠᠯ ᠢ ᠨᠦᠬᠦᠪᠣᠷᠢᠯᠡᠬᠦ ᠶᠢ ᠬᠤᠲᠠ ᠬᠦᠳᠡᠭᠡ ᠶᠢᠨ ᠨᠢᠬᠡᠳᠣᠯᠲᠠᠢ ᠲᠦᠯᠦᠪᠵᠢᠬᠦᠯᠣᠭ᠍ᠰᠡᠨ | ᠬᠦᠭᠵᠢᠯᠲᠡ ᠶᠢ ᠠᠬᠢᠭᠤᠯᠬᠤ ᠵᠠᠩᠬᠢᠯᠠᠭ᠎ᠠ ᠪᠣᠯᠭᠠᠨ ᠪᠠᠷᠢᠮᠲᠠᠯᠠᠵᠣ᠂ 14.6 ᠳ᠋ᠦᠩᠰᠢᠭᠤᠷ ᠲᠦᠬᠦᠷᠢᠭ ᠪᠡᠯᠡ | ᠣᠷᠣᠭᠤᠯᠣᠨ᠂ ᠦᠵᠡᠰᠬᠦᠯᠡᠩᠲᠣ ᠰᠠᠶᠢᠬᠠᠨ ᠬᠦᠳᠡᠭᠡ ᠲᠣᠰᠬᠤᠨ ᠤ ᠪᠠᠶᠢᠭᠤᠯᠣᠯᠲᠠ ᠶᠢ ᠡᠷᠴᠢᠮᠵᠢᠬᠦᠯᠵᠣ᠂ ᠪᠦᠬᠦ | ᠬᠤᠲᠠ ᠳᠠᠭᠠᠨ ᠡᠩ ᠲᠡᠷᠢᠬᠦᠨ ᠳᠤ ᠮᠠᠯᠵᠢᠬᠤ ᠲᠠᠷᠢᠶᠠᠯᠠᠬᠤ ᠣᠷᠣᠨ ᠤ ᠦᠨᠳᠣᠰᠣᠨ ᠪᠠᠳᠣᠯᠠᠭ᠎ᠠ ᠪᠣᠯᠣᠨ ᠨᠡᠶᠢᠲᠡ | ᠶᠢᠨ ᠦᠢᠯᠡᠴᠢᠯᠡᠬᠡᠨ ᠤ ︽ᠠᠷᠪᠠ ᠶᠢ ᠨᠡᠶᠢᠳᠡᠮ ᠪᠡᠶᠡᠯᠡᠬᠦᠯᠪᠡ︾᠃ ᠠᠵᠢᠯᠯᠠᠵᠣ ᠠᠮᠢᠳᠣᠷᠠᠬᠤ ᠳᠤ ᠲᠣᠬᠢᠷᠠᠮᠵᠢᠲᠠᠢ | ᠬᠤᠲᠠ ᠪᠠᠯᠭᠠᠰᠣᠨ ᠤ ᠴᠢᠳᠠᠪᠬᠢ ᠡᠳᠣᠷ ᠢᠷᠡᠬᠦᠶ᠎ᠠ ᠲᠡᠬᠦᠯᠳᠡᠷᠵᠢᠵᠣ᠂ ᠫᠢᠩᠫᠠᠩ ᠪᠦᠮᠪᠦᠭᠡ ᠦᠳᠦᠨ ᠪᠦᠮᠪᠦᠭᠡ ᠶᠢᠨ | ᠣᠷᠳᠣᠨ᠂ ᠣᠮᠪᠠᠯᠳᠠ ᠶᠢᠨ ᠣᠷᠳᠣᠨ᠂ ᠭᠡᠷ ᠤᠨ ᠭᠠᠳᠠᠨᠠᠬᠢ ᠲᠠᠮᠢᠷ ᠤᠨ ᠲᠠᠯᠠᠪᠣᠷ ᠠᠰᠢᠭᠯᠠᠯᠳᠠ ᠳᠤ ᠣᠷᠣᠵᠣ᠂ | ᠬᠤᠲᠠ ᠪᠠᠯᠭᠠᠰᠣᠨ ᠤ ᠰᠢᠨ᠎ᠡ ᠨᠡᠮᠡᠭᠳᠡᠭᠰᠡᠨ ᠣᠶᠢᠵᠢᠭᠤᠯᠣᠯᠳᠠ ᠶᠢᠨ ᠲᠠᠯᠠᠪᠠᠢ 52 ᠲᠦᠮᠡᠨ ᠺᠦᠸᠠᠳ᠋ ᠮᠧᠲᠷ | ᠬᠦᠷᠴᠤ᠂ ︽ᠣᠯᠣᠰ ᠤᠨ ᠴᠡᠴᠡᠷᠯᠢᠭᠵᠢᠬᠦᠯᠬᠡ ᠶᠢᠨ ᠰᠢᠶᠠᠨ ᠤ ᠬᠤᠲᠠ︾ ᠶᠢ ᠣᠷᠣᠨ ᠰᠠᠭᠤᠴᠠ ᠪᠦᠲᠦᠬᠡᠨ | ᠪᠠᠶᠢᠭᠤᠯᠣᠯᠲᠠ ᠶᠢᠨ ᠶᠠᠮᠣᠨᠳᠤ ᠮᠡᠳᠡᠬᠦᠯᠣᠨ ᠬᠢᠨᠠᠨ ᠦᠨᠡᠯᠡᠬᠦᠯᠵᠣ᠂ ᠪᠦᠬᠦ ᠤᠯᠤᠰ ᠤᠨ ᠰᠢᠶᠠᠨ ᠤ ᠳᠡᠰ ᠤᠨ | ᠪᠣᠯᠪᠠᠰᠣᠨ ᠬᠤᠳᠠ ᠶᠢᠨ ᠴᠤᠭᠴᠠᠯᠠᠯᠳᠠ ᠤᠯᠤᠰ ᠤᠨ ᠵᠢᠯ ᠤᠨ ᠬᠢᠨᠠᠨ ᠰᠢᠯᠭᠠᠯᠳᠠ ᠶᠢ ᠠᠮᠵᠢᠯᠳᠠ ᠲᠠᠢ ᠳᠤᠭᠤᠯᠪᠠ᠃ | ᠴᠢᠬᠤᠯᠠ ᠶᠡᠭᠡ ᠰᠠᠭᠤᠷᠢ ᠲᠦᠬᠦᠬᠡᠷᠣᠮᠵᠢ ᠶᠢᠨ ᠪᠠᠶᠢᠭᠤᠯᠣᠯᠲᠠ ᠲᠦᠷᠬᠡᠨ ᠠᠬᠢᠵᠣ᠂ ᠣᠯᠵᠠᠴᠢ ᠠᠴᠠ ᠳ᠋ᠦᠩ ᠳ᠋ᠣᠣ | ᠯᠢᠶᠠᠩ ᠬᠦᠷᠬᠦ ᠲᠦᠷᠬᠡᠨ ᠵᠠᠮ ᠤᠨ ᠵᠠᠮ ᠤᠨ ᠰᠠᠭᠤᠷᠢ ᠶᠢᠨ ᠪᠠᠷᠢᠯᠭ᠎ᠠ ᠲᠠᠭᠤᠰᠴᠤ᠂ ᠲᠣᠣ ᠱᠠᠩ ᠲᠠᠮᠦᠷ ᠵᠠᠮ ᠤᠨ | ᠲᠣᠯᠢ ᠠᠴᠠ ᠣᠯᠵᠠᠴᠢ ᠬᠦᠷᠬᠦ ᠬᠡᠰᠡᠭ ᠲᠡᠷᠭᠡ ᠨᠡᠪᠲᠡᠷᠡᠬᠦ ᠨᠦᠬᠦᠴᠡᠯ ᠪᠦᠷᠢᠳᠴᠤ᠂ ᠱᠠᠩᠬᠠᠢ ᠶᠢᠨ ᠰᠦᠮ᠎ᠠ ᠠᠴᠠ | ᠦᠵᠦᠭᠦᠷ ᠪᠠᠯᠭᠠᠰᠦ ᠬᠦᠷᠬᠦ ᠵᠠᠰᠠᠮᠠᠯ ᠵᠠᠮ ᠤᠨ ᠵᠠᠮ ᠤᠨ ᠭᠠᠳᠠᠷᠭᠤ ᠶᠢᠨ ᠪᠠᠷᠢᠯᠭ᠎ᠠ ᠲᠠᠭᠤᠰᠴᠣ᠂ ᠨᠡᠶᠢᠳᠡᠮ | ᠬᠡᠷᠡᠭᠯᠡᠬᠡᠨ ᠤ ᠨᠢᠰᠬᠡᠯ ᠤᠨ ᠪᠠᠭᠤᠳᠠᠯ ᠣᠯᠣᠰ ᠤᠨ ᠨᠡᠶᠢᠳᠡᠮ ᠬᠡᠷᠡᠭᠯᠡᠬᠡᠨ ᠤ ᠠᠭᠠᠷ ᠠᠶᠠᠯᠠᠯ ᠤᠨ ᠠᠩᠬᠠᠳᠠᠭᠴᠢ | ᠪᠦᠯᠦᠭᠲ᠋ᠠᠭᠤᠷᠢᠶᠠᠯ ᠢᠨᠵᠧᠨᠧᠷᠢᠩ ᠳᠤ ᠵᠢᠭᠰᠠᠭᠠᠭᠳᠠᠪᠠ᠃ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ | ᠯᠠᠪᠳᠠᠭᠤᠨ ᠠᠬᠢᠵᠣ᠂ ︽ᠭᠤᠷᠪᠠᠨ ᠣᠮᠠᠷᠠᠳᠣ︾ ᠶᠢᠨ ᠮᠠᠭᠤᠳᠠᠭᠰᠠᠨ ᠣᠢ ᠶᠢᠨ ᠦᠬᠡᠷᠡᠴᠢᠯᠡᠯᠲᠡ᠂ ᠬᠦᠷᠦᠰᠦ | ᠰᠢᠷᠣᠢ ᠶᠢᠨ ᠢᠳᠡᠭᠳᠡᠯ ᠤᠨ ᠵᠠᠰᠠᠯᠲᠠ ᠵᠡᠷᠬᠡ ᠠᠮᠢ ᠠᠬᠤᠢ ᠶᠢᠨ ᠲᠦᠷᠦᠯ ᠵᠦᠢᠯ ᠢ 28.3 ᠲᠦᠮᠡᠨ ᠮᠣ᠋ | ᠬᠡᠷᠡᠭᠵᠢᠬᠦᠯᠵᠣ᠂ ᠨᠣᠲᠤᠭ ᠪᠡᠯᠴᠢᠬᠡᠷ ᠤᠨ ᠪᠠᠶᠢᠭᠤᠯᠣᠯᠲᠠ ᠶᠢ 61.9 ᠲᠦᠮᠡᠨ ᠮᠣ᠋ ᠪᠡᠶᠡᠯᠡᠬᠦᠯᠣᠨ᠂ ᠣᠯᠣᠰ ᠤᠨ | ᠭᠠᠵᠠᠷ ᠰᠢᠷᠣᠢ ᠶᠢ ᠣᠶᠢᠵᠢᠭᠤᠯᠬᠤ ᠠᠵᠢᠯᠯᠠᠭ᠎ᠠ ᠪᠠ ᠠᠯᠪᠠᠨ ᠵᠢᠷᠣᠮ ᠤᠨ ᠦᠢᠵᠢᠭᠤᠯᠣᠯᠲᠠ ᠶᠢ 9.1 ᠲᠦᠮᠡᠨ ᠮᠣ᠋ | ᠪᠡᠶᠡᠯᠡᠬᠦᠯᠵᠣ᠂ ᠠᠮᠢ ᠠᠬᠤᠢ ᠶᠢᠨ ᠣᠷᠴᠢᠨ ᠢ ᠢᠯᠡᠳᠲᠡ ᠰᠠᠶᠢᠵᠢᠷᠠᠭᠤᠯᠪᠠ᠃ ᠡᠳᠡᠬᠡᠷ ᠲᠣᠲᠠᠭᠤᠳᠠᠯ ᠢ | ᠨᠦᠬᠦᠪᠣᠷᠢᠯᠡᠬᠦ ᠬᠠᠲᠠᠭᠤ ᠲᠣᠨᠤᠭ ᠤᠨ ᠪᠠᠶᠢᠭᠤᠯᠣᠯᠲᠠ ᠶᠢᠨ ᠦᠷ᠎ᠡ ᠪᠦᠲᠦᠬᠡᠯ ᠨᠢ ᠬᠦᠭᠵᠢᠯᠲᠡ ᠶᠢᠨ ᠣᠷᠴᠢᠨ ᠢ | ᠰᠠᠶᠢᠵᠢᠷᠠᠭᠤᠯᠵᠣ᠂ ᠬᠦᠭᠵᠢᠯᠲᠠ ᠶᠢᠨ ᠰᠠᠭᠤᠷᠢ ᠶᠢ ᠪᠠᠬᠢᠵᠢᠬᠦᠯᠣᠭ᠍ᠰᠡᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠠ ᠭᠤᠶᠢᠪᠠᠰᠢ ᠦᠬᠡᠢ ᠪᠠᠷ ᠦᠬᠡᠷᠡᠴᠢᠯᠡᠯᠲᠡ ᠶᠢ ᠠᠳᠬᠤᠨ᠂ ᠰᠢᠨᠡᠴᠢᠯᠡᠯᠲᠡ ᠶᠢ | ᠠᠬᠢᠭᠤᠯᠵᠣ᠂ ᠪᠦᠬᠦ ᠲᠠᠯ᠎ᠠ ᠪᠠᠷ ᠦᠬᠡᠷᠡᠴᠢᠯᠡᠯᠲᠡ ᠶᠢ ᠬᠦᠨᠵᠡᠬᠡᠶᠢᠷᠡᠬᠦᠯᠣᠨ ᠦᠯᠡᠮᠵᠢ ᠪᠦᠲᠦᠮᠵᠢ ᠣᠯᠪᠠ᠃ | ᠰᠢᠨᠡᠴᠢᠯᠡᠯᠲᠡ ᠪᠠᠷ ᠵᠢᠯᠣᠭᠤᠳᠬᠤ᠂ ᠦᠬᠡᠷᠡᠴᠢᠯᠡᠯᠲᠡ ᠪᠠᠷ ᠲᠠᠶᠢᠴᠢᠯᠠᠬᠤ ᠶᠢ ᠪᠠᠷᠢᠮᠲᠠᠯᠠᠵᠣ᠂ ᠭᠤᠣᠯᠳᠠᠯᠭᠠᠲᠣ | ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠭᠤᠭᠴᠣᠭᠠᠨ ᠤ ᠦᠬᠡᠷᠡᠴᠢᠯᠡᠯᠲᠡ ᠲᠡᠬᠡᠷ᠎ᠡ ᠲᠦᠪᠯᠡᠷᠡᠩᠬᠦᠢ ᠰᠢᠪᠲᠣᠯᠣᠯᠲᠠ | ᠬᠢᠵᠣ᠂ ᠪᠠᠷᠠᠭᠤᠨ ᠬᠤᠶᠢᠳᠣ ᠣᠷᠣᠨ ᠤ ᠠᠩᠬᠠᠳᠠᠭᠴᠢ ᠲᠦᠬᠦᠷ ᠰᠢᠶᠠᠨ ᠤ ᠳᠡᠰ ᠤᠨ ᠪᠠᠶᠢᠭᠠᠯᠢ ᠶᠢᠨ ᠡᠬᠢ | ᠰᠣᠷᠪᠣᠯᠵᠢ ᠶᠢᠨ ᠬᠤᠷᠤᠭᠳᠠᠯ ᠤᠨ ᠬᠢᠨᠠᠯᠳᠠ ᠶᠢᠨ ᠰᠢᠰᠲ᠋ᠧᠮ ᠪᠠ ᠦᠨ᠎ᠡ ᠬᠠᠩᠰᠢ ᠶᠢᠨ ᠰᠢᠰᠲ᠋ᠧᠮ ᠢ ᠰᠣᠳᠣᠯᠣᠨ | ᠨᠡᠭᠡᠭᠡᠵᠣ ᠬᠡᠷᠡᠭᠯᠡᠨ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠦᠷᠤᠩᠬᠡ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠨᠢ ᠣᠯᠣᠰ ᠤᠨ ᠬᠢᠨᠠᠨ ᠪᠣᠳᠣᠬᠤ ᠵᠠᠬᠢᠷᠭ᠎ᠠ ᠶᠢᠨ ᠬᠠᠷᠢᠯᠴᠠᠬᠤ ᠴᠡᠭ ᠪᠤᠯᠪᠠ︔ ᠳ᠋ᠠᠶᠢᠲ᠋ᠠ | ᠲᠦᠪᠠᠰᠢᠭᠯᠠᠯᠳᠠ ᠳᠤ ᠣᠷᠣᠵᠣ᠂ ᠪᠠᠷᠢᠮᠵᠢᠶ᠎ᠠ ᠲᠦᠷᠢᠮᠵᠢᠯ ᠲᠠᠢ᠂ ᠠᠮᠣᠷ ᠲᠦᠪᠰᠢᠨ ᠨᠠᠶᠢᠳᠠᠪᠣᠷᠢᠲᠠᠢ᠂ ᠡᠬᠢ | ᠰᠣᠷᠪᠣᠯᠵᠢ ᠶᠢ ᠬᠠᠮᠲᠣ ᠡᠳ᠋ᠯᠡᠭᠰᠡᠨ᠂ ᠶᠡᠪᠣᠴᠠ ᠴᠣᠪᠣᠷᠠᠯ ᠰᠢᠯᠢᠳᠡᠭᠵᠢᠭᠰᠡᠨ᠂ ᠲᠡᠷᠢᠬᠦᠨ ᠤ ᠮᠡᠷᠬᠡᠵᠢᠯ ᠤᠨ ᠮᠡᠳᠡᠭᠡ | ᠵᠠᠩᠭᠢ ᠶᠢᠨ ᠲᠣᠯᠭᠠᠭᠤᠷᠢᠯᠠᠯ ᠰᠢᠰᠲ᠋ᠧᠮ ᠢ ᠪᠦᠷᠢᠯᠳᠣᠬᠦᠯᠪᠡ︔ ᠠᠯᠠᠰᠢᠨ ᠮᠠᠯ ᠤᠨ ᠪᠦᠬᠦ ᠠᠵᠤ ᠦᠢᠯᠡᠰ ᠤᠨ | ᠬᠡᠯᠬᠢᠶᠡᠨ ᠤ ᠡᠬᠢ ᠶᠢ ᠬᠡᠳᠡᠷᠬᠦ ᠨᠡᠬᠡᠮᠵᠢᠯᠡᠬᠦ ᠰᠢᠰᠲ᠋ᠧᠮ᠂ ᠭᠠᠵᠠᠷ ᠲᠣᠣᠷᠠᠬᠢ ᠣᠰᠣᠨ ᠤ ︽ᠶᠡᠷᠣᠩᠬᠡᠢ ᠬᠡᠮᠵᠢᠶ᠎ᠡ ᠶᠢ | ᠬᠢᠵᠠᠭᠠᠷᠯᠠᠵᠤ᠂ ᠨᠣᠷᠮᠠᠴᠢᠯᠠᠨ ᠬᠠᠮᠢᠶᠠᠷᠬᠤ︾ ᠵᠡᠷᠬᠡᠦᠬᠡᠷᠡᠴᠢᠯᠡᠯᠲᠡ ᠪᠦᠬᠦ ᠬᠤᠲᠠ ᠶᠢᠨ ᠲᠡᠷᠢᠬᠦᠨ ᠤ ᠡᠩᠨᠡᠬᠡᠨ ᠳᠤ | ᠣᠷᠣᠵᠣ᠂ ᠮᠠᠯᠵᠢᠬᠤ ᠲᠠᠷᠢᠶᠠᠯᠠᠬᠤ ᠣᠷᠣᠨ ᠤ ᠨᠣᠲᠤᠭ ᠪᠡᠯᠴᠢᠬᠡᠷ ᠤᠨ ︽ᠭᠤᠷᠪᠠᠨ ᠡᠷᠬᠡ ᠶᠢᠨ ᠲᠤᠰᠠᠭᠠᠷᠯᠠᠯ︾ | ᠣᠯᠣᠰ ᠤᠨ ᠲᠣᠳᠣᠭᠠᠳᠣ ᠶᠢᠨ ᠠᠳᠠᠯᠢ ᠲᠦᠷᠣᠯ ᠤᠨ ᠲᠡᠷᠢᠬᠦᠨ ᠤ ᠲᠦᠪᠰᠢᠨ ᠳᠤ ᠬᠦᠷᠪᠡ᠃ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠲᠡ ᠢᠯᠡᠷᠬᠡᠢ ᠪᠦᠲᠣᠮᠵᠢ ᠣᠯᠵᠣ᠂ ᠪᠣᠳᠠᠲᠣ ᠲᠢᠩᠬᠢᠮ ᠪᠣᠯᠣᠨ | ᠰᠦᠯᠵᠢᠶᠡᠨ ᠲᠢᠩᠬᠢᠮ ᠤᠨ ᠲᠣᠬᠠᠶᠢᠯᠠᠭᠰᠠᠨ ᠠᠵᠢᠯ ᠤᠨ ᠬᠠᠮᠲᠣᠷᠠᠭᠰᠠᠨ ᠬᠦᠢᠴᠡᠳᠬᠡᠯᠲᠡ ᠶᠢ ᠪᠦᠬᠦ ᠲᠠᠯ᠎ᠠ ᠪᠠᠷ | ᠡᠬᠢᠯᠡᠬᠦᠯᠵᠣ᠂ ᠪᠦᠬᠦ ᠬᠤᠲᠠ ᠳᠠᠭᠠᠨ ᠡᠩ ᠲᠡᠷᠢᠬᠦᠨ ᠳᠤ ︽ᠨᠢᠭᠡ ᠦᠷᠳᠡᠬᠡᠴᠢᠯᠡᠨ︾ ᠬᠦᠯᠢᠶᠡᠨ ᠬᠦᠢᠴᠡᠳᠬᠡᠬᠦ ᠪᠠ | ᠢᠨᠲ᠋ᠧᠷ ᠰᠦᠯᠵᠢᠶ᠎ᠠ + ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠵᠠᠭᠪᠣᠷ ᠢ ᠭᠡᠷᠡᠭᠵᠢᠬᠦᠯᠪᠡ︔ 25 ᠭᠠᠴᠠᠭ᠎ᠠ | ᠲᠣᠰᠬᠤᠨ ᠳᠤ ᠰᠦᠯᠵᠢᠶ᠎ᠡ ᠪᠠᠷ ᠭᠡᠷᠡᠭ ᠣᠴᠢᠷ ᠬᠦᠢᠴᠡᠳᠬᠡᠬᠦ ᠲᠢᠩᠬᠢᠮ ᠪᠠᠶᠢᠭᠤᠯᠵᠣ᠂ ᠣᠯᠠᠨ ᠲᠦᠮᠡᠨ ᠭᠡᠷᠡᠭ | ᠣᠴᠢᠷ ᠪᠦᠲᠣᠬᠡᠬᠦ ᠳᠤ ᠨᠡᠩ ᠲᠦᠳᠡ ᠲᠦᠷᠬᠡᠨ ᠪᠣᠯᠪᠠ᠃ ᠲᠠᠶᠠᠭᠠᠷ ᠣᠯᠠᠨ ᠤ ᠣᠶᠢᠯᠠᠰ ᠪᠦᠳᠦᠭᠡᠯᠳᠠ᠂ ᠲᠦᠮᠡᠨ | ᠣᠯᠠᠨ ᠤ ᠰᠢᠨ᠎ᠡ ᠶᠢ ᠡᠭᠦᠳᠦᠯᠳᠠ ᠬᠦᠨᠵᠡᠭᠡᠢ ᠠᠬᠢᠵᠣ᠂ 28 ᠲᠦᠷᠣᠯ ᠤᠨ ᠰᠢᠨ᠎ᠡᠡᠭᠦᠳᠦᠯᠳᠠ ᠣᠷᠳᠣᠰ ᠤᠨ | ᠰᠢᠨ᠎ᠡ ᠶᠢ ᠡᠬᠦᠳᠣᠨ ᠦᠢᠯᠡᠰ ᠪᠣᠰᠬᠠᠭᠰᠠᠨ ᠦᠷ᠎ᠡ ᠪᠦᠲᠣᠭᠡᠯ ᠤᠨ ᠦᠵᠡᠬᠦᠯᠣᠬᠡ ᠳᠤ ᠣᠷᠣᠯᠴᠠᠪᠠ︔ ᠬᠤᠰᠢᠭᠤ | ᠪᠠᠶᠢᠭᠤᠯᠣᠭᠳᠠᠭᠰᠠᠨ ᠠᠴᠠ ᠨᠠᠭᠠᠰᠢᠬᠢ ᠬᠠᠮᠤᠭ ᠶᠡᠭᠡ ᠬᠡᠪᠴᠢᠶ᠎ᠡ ᠪᠠ ᠦᠨᠳᠣᠷ ᠲᠦᠪᠰᠢᠨ ᠪᠦᠬᠦᠢ ᠰᠢᠨᠵᠢᠯᠡᠭᠡ | ᠮᠡᠷᠬᠡᠵᠢᠯ ᠤᠨ ᠰᠢᠨ᠎ᠡ ᠶᠢ ᠡᠬᠦᠳᠣᠭ᠍ᠴᠢᠳ ᠢ ᠱᠠᠩᠨᠠᠨ ᠬᠦᠬᠢᠬᠦᠯᠬᠦ ᠬᠤᠷᠠᠯ ᠬᠤᠷᠠᠯᠳᠣᠭᠤᠯᠵᠣ᠂ 5 ᠨᠢᠬᠡᠴᠡ᠂ 47 | ᠲᠡᠷᠢᠬᠦᠨ ᠤ ᠬᠤᠪᠢ ᠬᠦᠮᠣᠨ ᠢ ᠱᠠᠩᠨᠠᠨ ᠬᠦᠬᠢᠬᠦᠯᠵᠣ᠂ ᠰᠢᠨ᠎ᠡᠡᠭᠦᠳᠦᠯᠳᠠ ᠶᠢ ᠵᠣᠷᠢᠭᠵᠢᠭᠤᠯᠣᠨ ᠬᠦᠭᠵᠢᠬᠦᠯᠬᠦ | ᠣᠷᠮᠠᠰᠢᠭᠤᠯᠣᠯ ᠤᠨ ᠣᠷᠴᠢᠨ ᠠᠬᠤᠢ ᠶᠢ ᠪᠣᠢ ᠪᠣᠯᠭᠠᠪᠠ᠃ ᠴᠢᠯᠣᠭᠡᠲᠠᠢ ᠶᠠᠪᠣᠯᠴᠠᠨ ᠬᠠᠮᠲᠣᠷᠠᠯᠴᠠᠬᠤ ᠶᠢ | ᠴᠢᠩᠭᠠᠳᠬᠠᠵᠣ᠂ ᠢᠷᠭᠠᠢ ᠬᠤᠲᠠ ᠯᠤᠭ᠎ᠠ ᠶᠢᠨ ᠰᠣᠷᠭᠠᠨ ᠬᠦᠮᠦᠵᠢᠯ᠂ ᠡᠮ ᠡᠮᠨᠡᠯᠬᠡ᠂ ᠵᠢᠭᠤᠯᠴᠢᠯᠠᠯ᠂ ᠢᠨᠲ᠋ᠧᠷ | ᠰᠦᠯᠵᠢᠶ᠎ᠡ+ ᠵᠡᠷᠬᠡ ᠲᠠᠯ᠎ᠠ ᠪᠠᠷ ᠬᠢ ᠬᠠᠮᠲᠣᠷᠠᠯᠴᠭᠠ ᠪᠠᠨ ᠲᠠᠰᠣᠷᠠᠯᠲᠠ ᠦᠬᠡᠢ ᠬᠦᠨᠵᠡᠬᠡᠶᠢᠷᠡᠬᠦᠯᠵᠣ᠂ ᠬᠤᠰᠢᠭᠤᠨ | ᠤ 2 ᠡᠮᠨᠡᠯᠬᠡ ᠶᠢᠨ ᠬᠤᠷᠢᠶᠠᠢᠷᠭᠠᠢ ᠶᠢᠨ ᠬᠤᠶᠠᠷ ᠲᠤᠮᠤ ᠪᠣᠳᠠᠲᠣ ᠬᠦᠴᠤᠨ ᠪᠦᠬᠦᠢ ᠡᠮᠨᠡᠯᠬᠡ ᠶᠢᠨ ᠬᠤᠷᠢᠶ᠎ᠠ ᠲᠠᠢ | ᠬᠠᠮᠲᠣᠷᠠᠨ ︽ᠡᠮ ᠡᠮᠨᠡᠯᠬᠡ ᠶᠢᠨ ᠬᠠᠮᠵᠢᠯᠴᠠᠭᠠᠨ ᠤ ᠴᠣᠭᠴᠠ︾ ᠪᠠᠶᠢᠭᠤᠯᠵᠣ᠂ ᠡᠮ ᠡᠮᠨᠡᠯᠬᠡ ᠶᠢᠨ ᠴᠢᠨᠠᠷᠯᠢᠭ ᠡᠬᠢ | ᠰᠣᠷᠪᠣᠯᠵᠢ ᠶᠢᠨ ᠣᠷᠣᠨ ᠠᠯᠣᠰᠯᠠᠭᠰᠠᠨ ᠬᠠᠮᠲᠣ ᠡᠳ᠋ᠯᠡᠬᠦ ᠬᠠᠮᠲᠣᠷᠠᠯᠴᠠᠭ᠎ᠠ ᠶᠢ ᠪᠡᠶᠡᠯᠡᠬᠦᠯᠪᠡ᠃ ᠡᠳᠡᠬᠡᠷ | ᠦᠬᠡᠷᠡᠴᠢᠯᠡᠯᠲᠡ ᠰᠢᠨᠡᠴᠢᠯᠡᠯᠲᠡ ᠶᠢᠨ ᠦᠷ᠎ᠡ ᠪᠦᠲᠦᠬᠡᠯ ᠨᠢ ᠬᠦᠭᠵᠢᠯᠲᠡ ᠶᠢᠨ ᠲᠣᠲᠣᠭᠠᠳᠣ ᠬᠦᠴᠣᠨ ᠢ | ᠰᠢᠯᠢᠳᠡᠭᠵᠢᠬᠦᠯᠵᠣ᠂ ᠬᠦᠭᠵᠢᠯᠲᠡ ᠶᠢᠨ ᠦᠷᠢᠰᠬᠦ ᠬᠦᠴᠤᠨ ᠢ ᠨᠡᠮᠡᠭᠳᠡᠬᠦᠯᠣᠭ᠍ᠰᠡᠨ ᠪᠠᠶᠢᠨ᠎ᠠ᠃ | ᠨᠢᠭᠡ ᠵᠢᠯ ᠤᠨ ᠲᠣᠷᠰᠢ᠂ ᠪᠢᠳᠠ ᠴᠦᠬᠦᠷᠡᠰᠢ ᠦᠬᠡᠢ ᠪᠠᠷ ᠰᠣᠷᠲᠠᠯ ᠢᠶᠠᠨ ᠬᠤᠪᠢᠷᠠᠭᠤᠯᠣᠨ᠂ ᠪᠦᠲᠤᠮᠵᠢ ᠪᠠᠨ | ᠲᠡᠭᠡᠭᠰᠢᠯᠡᠬᠦᠯᠵᠣ᠂ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠣᠯᠲᠠ ᠪᠠᠨ ᠲᠠᠰᠣᠷᠠᠯᠲᠠ ᠦᠬᠡᠢ | ᠴᠢᠩᠭᠠᠳᠬᠠᠪᠠ᠃ ᠦᠨᠳᠣᠷ ᠪᠦᠲᠦᠮᠵᠢᠲᠠᠢ ᠪᠠᠷ ᠵᠠᠰᠠᠭ ᠶᠠᠪᠣᠭᠤᠯᠬᠤ᠂ ᠬᠠᠣᠯᠢ ᠶᠣᠰᠣᠭᠠᠷ ᠲᠣᠰᠢᠶᠠᠯ ᠢᠶᠠᠨ | ᠬᠦᠢᠴᠡᠳᠬᠡᠬᠦ ᠶᠢ ᠪᠠᠷᠢᠮᠲᠠᠯᠠᠵᠣ᠂ ᠬᠤᠰᠢᠭᠤ ᠨᠡᠮ ᠤᠨ ᠬᠤᠷᠢᠶᠠᠨ ᠤ ᠣᠳᠣᠷᠢᠳᠣᠯᠭ᠎ᠠ ᠶᠢ ᠰᠢᠭᠤᠷᠬᠠᠢ ᠬᠦᠯᠢᠶᠡᠨ᠂ | ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠬᠡᠨ ᠪᠠ ᠣᠯᠠᠨ ᠲᠦᠮᠡᠨ ᠤ | ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠪᠡ᠃ ᠵᠠᠰᠠᠭ ᠤᠨ ᠣᠷᠳᠣᠨ ᠤ ᠠᠵᠢᠯᠯᠠᠮᠵᠢ ᠶᠢᠨ ᠲᠦᠷᠢᠮᠵᠢᠬᠦᠯᠣᠯᠲᠡ | ᠲᠡᠬᠡᠷ᠎ᠡ ᠬᠦᠴᠦ ᠲᠠᠯᠪᠢᠵᠣ᠂ ᠬᠤᠷᠠᠯ ᠤᠨ ᠲᠦᠷᠢᠮ᠂ AB ᠪᠠᠶᠢᠷᠢ ᠶᠢᠨ ᠠᠵᠢᠯ ᠤᠨ ᠬᠤᠪᠢᠶᠠᠷᠯᠠᠯ᠂ ᠵᠠᠰᠠᠭ ᠤᠨ | ᠣᠷᠳᠣᠨ ᠤ ᠠᠵᠢᠯ ᠤᠨ ᠲᠦᠷᠢᠮ ᠵᠡᠷᠬᠡ ᠲᠦᠷᠢᠮ ᠲᠣᠭᠲᠠᠴᠠ ᠶᠢ ᠲᠣᠭᠲᠠᠭᠠᠨ ᠲᠡᠬᠦᠯᠳᠡᠷᠵᠢᠬᠦᠯᠵᠣ᠂ | ᠨᠠᠶᠢᠲᠠᠪᠣᠷᠢᠵᠢᠭᠤᠯᠣᠯᠲᠠ ᠶᠢ ᠠᠳᠬᠤᠬᠤ ᠲᠦᠷᠢᠮ ᠤᠨ ᠲᠣᠲᠠᠭᠤᠳᠠᠯ ᠢ ᠨᠦᠬᠦᠪᠣᠷᠢᠯᠡᠵᠣ᠂ ᠵᠠᠰᠠᠭ ᠤᠨ ᠣᠷᠳᠣᠨ ᠤ | ᠬᠡᠷᠡᠭᠵᠢᠬᠦᠯᠬᠦ ᠬᠦᠴᠦᠨ ᠢ ᠢᠯᠡᠳᠲᠡ ᠲᠡᠭᠡᠭᠰᠢᠯᠡᠬᠦᠯᠪᠡ᠃ ᠰᠠᠨᠠᠭᠤᠯᠭ᠎ᠠ ᠲᠣᠷᠠᠳᠣᠯᠭ᠎ᠠ ᠶᠢ ᠬᠦᠢᠴᠡᠳᠬᠡᠬᠦ ᠠᠵᠢᠯ ᠢ | ᠬᠢᠨᠠᠮᠠᠭᠠᠢ ᠬᠢᠵᠣ᠂ ᠠᠷᠠᠳ ᠤᠨ ᠲᠦᠯᠦᠬᠡᠯᠡᠭᠴᠢᠳ ᠤᠨ ᠰᠠᠨᠠᠯ ᠰᠠᠨᠠᠭᠤᠯᠭ᠎ᠠ ᠶᠢ 48᠂ ᠤᠯᠤᠰ ᠲᠦᠷᠤ ᠶᠢᠨ | ᠵᠦᠪᠯᠡᠯᠬᠡᠨ ᠤ ᠬᠡᠰᠢᠬᠦᠳ ᠤᠨ ᠲᠣᠷᠠᠳᠣᠯᠭ᠎ᠠ ᠶᠢ 36 ᠬᠦᠢᠴᠡᠳᠬᠡᠵᠣ᠂ ᠬᠦᠢᠴᠡᠳᠬᠡᠯᠲᠡ 100% ᠳᠤ ᠬᠦᠷᠪᠡ︔ | ︽ᠨᠠᠮ ᠠᠷᠠᠳ ᠤᠨ ᠲᠦᠯᠦᠬᠡᠯᠡᠭᠴᠢ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ︾ ᠤᠨ ᠪᠠᠶᠢᠴᠠᠭᠠᠨ | ᠰᠣᠳᠣᠯᠣᠯᠲᠠ ᠶᠢᠨ ᠠᠵᠢᠯ ᠢ ᠴᠢᠬᠤᠯᠠᠴᠢᠯᠠᠨ᠂ ᠰᠠᠶᠢᠨ ᠰᠠᠨᠠᠭᠤᠯᠭ᠎ᠠ ᠰᠠᠶᠢᠨ ᠠᠷᠭ᠎ᠠ ᠬᠡᠮᠵᠢᠶ᠎ᠡ ᠶᠢ ᠴᠠᠭ ᠲᠣᠬᠠᠢ ᠳᠤ | ᠨᠢ ᠬᠦᠯᠢᠶᠡᠨ ᠠᠪᠴᠣ᠂ ᠠᠵᠢᠯ ᠢ ᠵᠢᠯᠣᠭᠤᠳᠣᠨ ᠠᠬᠢᠭᠤᠯᠬᠤ ᠳᠤ ᠬᠡᠷᠡᠭᠯᠡᠪᠡ᠃ ᠵᠠᠰᠠᠭ ᠤᠨ ᠶᠠᠪᠣᠳᠠᠯ ᠤᠨ | ᠢᠯᠡᠰᠢᠬᠦᠯᠣᠯᠲᠠ ᠶᠢ ᠲᠠᠰᠣᠷᠠᠯᠲᠠ ᠦᠬᠡᠢ ᠬᠦᠨᠵᠡᠬᠡᠶᠢᠷᠡᠬᠦᠯᠵᠣ᠂ ᠪᠦᠬᠦ ᠵᠢᠯ ᠳᠤ 15000 ᠭᠠᠷᠣᠢ ᠬᠤᠪᠢ ᠵᠠᠰᠠᠭ | ᠤᠨ ᠣᠷᠳᠣᠨ ᠤ ᠮᠡᠳᠡᠭᠡ ᠵᠠᠩᠬᠢ ᠶᠢ ᠢᠯᠡᠰᠢᠬᠦᠯᠵᠣ᠂ ᠵᠠᠬᠢᠳᠠᠯ ᠰᠣᠷᠪᠣᠯᠵᠢᠯᠠᠭ᠎ᠠ᠂ ᠰᠦᠯᠵᠢᠶᠡᠨ ᠤ ᠢᠷᠭᠡᠳ ᠤᠨ | ᠦᠯᠡᠳᠡᠬᠡᠭᠰᠡᠨ ᠦᠬᠡ ᠪᠣᠯᠣᠨ ᠰᠦᠯᠵᠢᠶᠡᠨ ᠲᠡᠬᠡᠷᠡᠬᠢ ᠡᠯ᠎ᠡ ᠲᠦᠷᠦᠯ ᠤᠨ ᠭᠤᠶᠣᠴᠢᠯᠠᠯ ᠢ 715 ᠬᠦᠢᠴᠡᠳᠬᠡᠵᠣ᠂ | ᠬᠦᠢᠴᠡᠳᠬᠡᠯᠲᠡ 100% ᠳᠤ ᠬᠦᠷᠴᠣ᠂ ᠣᠯᠠᠨ ᠲᠦᠮᠡᠨ ᠤ ᠮᠡᠳᠡᠬᠦ᠂ ᠣᠷᠣᠯᠴᠠᠬᠤ ᠪᠠ ᠬᠢᠨᠠᠯᠲᠠ ᠲᠠᠯᠪᠢᠬᠤ | ᠡᠷᠬᠡ ᠪᠦᠲᠦᠮᠵᠢᠲᠠᠢ ᠪᠠᠲᠣᠯᠠᠭᠳᠠᠪᠠ᠃ ︽ᠬᠤᠶᠠᠷ ᠢ ᠰᠣᠷᠣᠯᠴᠠᠵᠣ ᠬᠢᠷᠢ ᠲᠠᠩᠴᠡᠭᠰᠡᠨ ᠨᠠᠮ ᠤᠨ ᠬᠡᠰᠢᠬᠦᠨ ᠪᠣᠯᠬᠤ︾ | ᠰᠣᠷᠣᠯᠴᠠᠯᠭ᠎ᠠ ᠬᠦᠮᠦᠵᠢᠯ ᠢ ᠬᠦᠨᠵᠡᠬᠡᠢ ᠦᠷᠨᠢᠬᠦᠯᠵᠣ᠂ ᠰᠣᠷᠲᠠᠯ ᠤᠨ ᠪᠠᠶᠢᠭᠤᠯᠣᠯᠲᠠ ᠶᠢᠨ ᠬᠤᠯᠪᠣᠭᠳᠠᠯ ᠪᠦᠬᠦᠢ | ᠲᠣᠭᠲᠠᠭᠠᠯ ᠢ ᠴᠢᠩᠭ᠎ᠠ ᠬᠡᠷᠡᠭᠵᠢᠬᠦᠯᠵᠣ᠂ ᠡᠷᠬᠡ ᠶᠢᠨ ᠠᠵᠢᠯᠯᠠᠮᠵᠢ ᠶᠢᠨ ᠬᠢᠨᠠᠯᠲᠠ ᠪᠣᠯᠣᠨ ᠰᠠᠯᠠᠭᠠᠨ ᠲᠠᠰ ᠤᠨ | ᠣᠳᠣᠷᠢᠳᠬᠤ ᠺᠠᠳ᠋ᠷ ᠤᠨ ᠠᠵᠣ ᠠᠬᠤᠢ ᠶᠢᠨ ᠬᠠᠷᠢᠭᠤᠴᠠᠯᠭ᠎ᠠ᠂ ᠠᠮᠢ ᠠᠬᠤᠢ ᠵᠢᠨᠬᠠᠷᠢᠭᠤᠴᠠᠯᠭ᠎ᠠ ᠶᠢᠨ ᠬᠢᠨᠠᠨ | ᠪᠣᠳᠣᠯᠲᠠ ᠶᠢ ᠴᠢᠩᠭᠠᠳᠬᠠᠵᠣ᠂ ᠠᠯᠪᠠᠲᠠᠳ ᠤᠨ ᠡᠩᠨᠡᠬᠡᠨ ᠤ ᠣᠯᠣᠰ ᠲᠦᠷᠦ ᠶᠢᠨ ᠣᠬᠠᠮᠰᠠᠷ᠂ ᠪᠦᠬᠦ ᠲᠠᠯ᠎ᠠ ᠶᠢᠨ | ᠣᠬᠠᠮᠰᠠᠷ᠂ ᠭᠤᠣᠯᠯᠠᠭᠴᠢ ᠶᠢᠨ ᠣᠬᠠᠮᠰᠠᠷ᠂ ᠨᠢᠬᠡᠳᠣᠯᠲᠠᠢ ᠪᠠᠶᠢᠬᠤ ᠣᠬᠠᠮᠰᠠᠷ ᠪᠦᠬᠦ ᠲᠠᠯ᠎ᠠ ᠪᠠᠷ ᠲᠡᠬᠡᠭᠰᠢᠯᠡᠪᠡ᠃ | ᠡᠳᠡᠬᠡᠷ ᠪᠣᠳᠠᠲᠠᠢ ᠪᠦᠲᠦᠮᠵᠢᠲᠠᠢ᠂ ᠦᠪᠡᠷ ᠢ ᠪᠠᠨ ᠲᠡᠬᠡᠭᠰᠢᠯᠡᠬᠦᠯᠬᠦ ᠠᠷᠭ᠎ᠠ ᠠᠪᠴᠠᠯ ᠨᠢ ᠬᠦᠭᠵᠢᠯᠲᠡ ᠶᠢᠨ ᠢᠳᠡᠬᠡᠯ | ᠢ ᠬᠦᠪᠴᠢᠯᠡᠵᠣ᠂ ᠵᠠᠰᠠᠭ ᠤᠨ ᠣᠷᠳᠣᠨ ᠤ ᠢᠲᠡᠬᠡᠬᠦᠯᠬᠦ ᠬᠦᠴᠦᠨ ᠢ ᠨᠡᠮᠡᠭᠳᠡᠬᠦᠯᠣᠭ᠍ᠰᠡᠨ ᠪᠠᠶᠢᠨ᠎ᠠ᠃ | ᠡᠬᠦᠨ ᠠᠴᠠ ᠭᠠᠳᠠᠨ᠎ᠠ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠠᠷᠳᠴᠢᠯᠠᠯ ᠬᠠᠣᠯᠢ | ᠲᠦᠷᠢᠮ᠂ ᠦᠨᠳᠣᠰᠣᠲᠡᠨ ᠱᠠᠰᠢᠨ ᠰᠣᠷᠲᠠᠬᠤᠨ᠂ ᠲᠤᠭ᠎ᠠ ᠪᠦᠷᠢᠳᠭᠡᠯ᠂ ᠲᠠᠩᠰᠠ ᠡᠪᠬᠡᠮᠡᠯ᠂ ᠠᠷᠠᠳ ᠤᠨ ᠠᠭᠠᠷ | ᠰᠡᠷᠬᠡᠶᠢᠯᠡᠯᠲᠡ᠂ ᠴᠠᠭ ᠠᠭᠤᠷ᠂ ᠡᠮᠡᠭᠲᠡᠶᠢᠴᠣᠳ ᠬᠡᠣᠬᠡᠳ᠂ ᠨᠠᠰᠣᠲᠠᠶᠢᠴᠣᠳ ᠤᠨ ᠦᠢᠯᠡᠰ ᠵᠡᠷᠬᠡ ᠠᠵᠢᠯ ᠴᠦᠮ | ᠢᠯᠡᠷᠬᠡᠢ ᠲᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ᠂ 2016 ᠤᠨ ᠬᠦᠭᠵᠢᠨ ᠪᠤᠵᠠᠭᠠᠶᠢᠷᠠᠭᠰᠡᠨ ᠤᠳᠤᠭ ᠤᠨ ᠡᠮᠤᠨᠡᠳᠤ ᠬᠤᠰᠢᠭᠤᠨ ᠳᠤ | ᠠᠪᠴᠤ ᠬᠡᠯᠡᠪᠡᠯ ᠶᠡᠷᠤ ᠶᠢᠨ ᠪᠤᠰᠤ ᠨᠢᠬᠡ ᠵᠢᠯ ᠪᠤᠯᠤᠨ᠎ᠠ᠂ ᠪᠢᠳᠠ ᠪᠦᠳᠤᠴᠠ ᠶᠢ ᠳᠤᠬᠢᠷᠠᠭᠤᠯᠬᠤ᠂ ᠳᠤᠳᠠᠭᠤᠳᠠᠯ ᠢ | ᠨᠦᠬᠦᠪᠤᠷᠢᠯᠡᠬᠦ᠂ ᠬᠡᠯᠪᠡᠷᠢ ᠶᠢᠨ ᠬᠤᠪᠢᠷᠠᠭᠤᠯᠤᠯᠳᠠ ᠶᠢ ᠠᠬᠢᠭᠤᠯᠬᠤ ᠳᠤ ᠪᠠᠨ ᠠᠷᠠᠤᠨ ᠤᠨ ᠠᠮᠢᠳᠤᠷᠠᠯ ᠢ ᠡᠷᠴᠢᠮ | ᠲᠠᠢ ᠰᠠᠶᠢᠵᠢᠷᠠᠭᠤᠯᠵᠤ᠂ ᠬᠦᠭᠵᠢᠯᠳᠠ ᠶᠢᠨ ᠳᠡᠰ ᠳᠡᠪᠬᠤᠷᠭ᠎ᠠ ᠶᠢ ᠳᠡᠬᠡᠭᠰᠢᠯᠡᠬᠦᠯᠤᠨ᠂ ᠭᠠᠵᠠᠷ ᠤᠷᠤᠨ ᠤ ᠬᠡᠪ | ᠲᠦᠷᠬᠦ ᠶᠢ ᠢᠯᠡᠷᠡᠬᠦᠯᠦᠭᠰᠡᠨ ᠨᠢᠬᠡ ᠵᠢᠯ ᠪᠤᠯᠤᠨ᠎ᠠ᠃ ᠡᠨᠡ ᠵᠢᠯ ᠳᠤ ᠪᠢᠳᠠ ᠤᠷᠢᠤᠨᠴᠢᠯᠠᠨ ᠰᠦᠪᠡᠭᠴᠢᠯᠡᠵᠤ ᠨᠠᠷᠢᠯᠢᠭ | ᠲᠦᠯᠤᠪᠯᠡᠨ᠂ ᠨᠢᠬᠡ ᠪᠦᠯᠦᠭ ᠤᠳᠤᠬᠠᠨ ᠳᠤ ᠳᠤᠰᠠᠳᠠᠢ ᠠᠯᠤᠰ ᠲᠤ ᠠᠰᠢᠭᠳᠠᠢ ᠴᠢᠬᠤᠯᠠ ᠤᠴᠢᠷ ᠢ ᠪᠦᠳᠤᠬᠡᠪᠠ︔ | ᠡᠨᠡ ᠵᠢᠯ ᠪᠢᠳᠠ ᠭᠠᠪᠰᠢᠭᠠᠶᠢᠯᠠᠨ ᠤᠷᠤᠭᠰᠢᠯᠠᠵᠤ ᠭᠠᠷᠮᠠᠭᠠᠶᠢᠯᠠᠨ ᠵᠢᠤᠨᠬᠦᠵᠤ᠂ ᠨᠢᠬᠡ ᠪᠦᠯᠦᠭ ᠨᠦᠯᠤᠬᠡ ᠶᠡᠭᠡ | ᠳᠠᠪᠬᠤᠷᠭ᠎ᠠ ᠬᠦᠨ ᠠᠰᠠᠭᠤᠳᠠᠯ ᠢ ᠰᠢᠢᠤᠨᠪᠤᠷᠢᠯᠡᠪᠠ︔ ᠡᠨᠡ ᠵᠢᠯ ᠪᠢᠳᠠ ᠠᠷᠭ᠎ᠠ ᠠᠪᠴᠠᠯ ᠢᠶᠠᠨ ᠰᠢᠨᠡᠴᠢᠯᠠᠨ | ᠰᠢᠷᠭᠠᠭᠤ ᠬᠠᠳᠠᠭᠤᠵᠢᠯᠳᠠᠢ ᠠᠵᠢᠯᠯᠠᠨ᠂ ᠨᠢᠬᠡ ᠪᠦᠯᠦᠭ ᠲᠦᠮᠡᠨ ᠤ ᠰᠠᠨᠠᠭᠠᠨ ᠳᠤ ᠨᠠᠶᠢᠴᠡᠵᠤ᠂ ᠠᠷᠠᠤᠨ ᠤᠨ | ᠰᠡᠤᠨᠬᠢᠯ ᠢ ᠤᠯᠤᠭᠰᠡᠨ ᠪᠤᠳᠠᠳᠤ ᠤᠴᠢᠷ ᠪᠦᠳᠤᠬᠡᠵᠤ᠂ ᠬᠦᠭᠵᠢᠯᠳᠠ ᠶᠢᠨ ᠬᠠᠮ ᠬᠦᠴᠤᠨ ᠤᠷᠢᠤᠨ ᠦᠬᠡᠢ | ᠨᠢᠭᠳᠠᠷᠠᠵᠤ᠂ ᠬᠦᠭᠵᠢᠯᠳᠠ ᠶᠢᠨ ᠬᠦᠴᠤᠨ ᠨᠠᠩ ᠴᠢᠩᠭᠠᠷᠠᠪᠠ᠃ ᠪᠡᠷᠬᠡ ᠶᠢ ᠢᠯᠠᠭᠰᠠᠨ ᠬᠠᠳᠠᠭᠤᠵᠢᠯ᠂ ᠴᠢᠷᠮᠠᠶᠢᠯᠭ᠎ᠠ | ᠨᠢ ᠬᠤᠰᠢᠭᠤ ᠨᠠᠮ ᠤᠨ ᠬᠤᠷᠢᠶ᠎ᠠ ᠶᠢᠨ ᠰᠢᠨᠵᠢᠯᠡᠬᠦ ᠣᠬᠠᠭᠠᠨᠴᠢ ᠰᠢᠢᠳᠪᠣᠷᠢ ᠪᠣᠯᠣᠨ ᠬᠦᠴᠦᠳᠦ ᠣᠳᠣᠷᠢᠳᠣᠯᠭ᠎ᠠ᠂ | ᠬᠤᠰᠢᠭᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ | ᠵᠦᠪᠯᠡᠯᠬᠡᠨ ᠪᠣᠯᠣᠨ ᠨᠡᠶᠢᠬᠡᠮ ᠤᠨ ᠡᠯ᠎ᠡ ᠡᠲᠡᠭᠡᠳ ᠤᠨ ᠬᠢᠨ ᠤ ᠪᠦᠬᠦ ᠲᠠᠯ᠎ᠠ ᠶᠢᠨ ᠬᠢᠨᠠᠯᠲᠠ ᠪᠠ ᠬᠦᠴᠣᠲᠣ | ᠲᠡᠮᠵᠢᠯᠭᠡ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠪᠦᠯᠬᠦᠮᠳᠡᠯ ᠬᠠᠮᠵᠢᠯᠴᠠᠭ᠎ᠠ ᠪᠣᠯᠣᠨ ᠰᠢᠷᠭᠠᠭᠤ ᠲᠡᠮᠡᠴᠡᠯ | ᠠᠴᠠ ᠰᠠᠯᠣᠰᠢ ᠦᠬᠡᠢ ᠶᠣᠮ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ | ᠬᠤᠰᠢᠭᠤᠨ ᠤ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ | ᠂ ᠤᠲᠤᠭ ᠤᠨ ᠡᠮᠤᠨᠡᠲᠤ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠠᠶᠢᠵᠠ ᠨᠦᠬᠦᠳ | ᠲᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ ᠪᠠᠶᠢᠨ᠎ᠠ᠃ | ᠨᠢᠬᠡ ᠵᠢᠯ ᠤᠨ ᠠᠵᠢᠯ ᠢᠶᠠᠨ ᠡᠷᠬᠢᠴᠡᠬᠦᠯᠬᠦ ᠳᠤ ᠂ ᠪᠢᠲᠡ ᠵᠠᠰᠠᠭ ᠤᠨ ᠣᠷᠳᠣᠨ ᠤ ᠠᠵᠢᠯ ᠪᠣᠯᠣᠨ ᠠᠵᠣ | ᠠᠬᠤᠢ ᠨᠡᠶᠢᠬᠡᠮ ᠤᠨ ᠬᠦᠭᠵᠢᠯᠳᠠ ᠶᠢᠨ ᠲᠣᠮᠳᠠ ᠲᠣᠯᠭᠠᠷᠠᠵᠣ ᠪᠠᠶᠢᠭᠠᠣᠮᠳᠣᠭᠠᠶᠢᠯᠠᠵᠣ ᠪᠣᠯᠣᠰᠢ ᠦᠬᠡᠢ ᠠᠰᠠᠭᠤᠳᠠᠯ | ᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠣᠯᠳᠠᠭᠤ᠄ ᠨᠡᠬᠦᠷᠡᠰᠣ ᠵᠡᠷᠬᠡ ᠡᠬᠢ ᠪᠠᠶᠠᠯᠢᠭ ᠤᠨ ᠬᠡᠯᠪᠡᠷᠢ ᠶᠢᠨ ᠠᠵᠣ | ᠦᠢᠯᠡᠰ ᠤᠨ ᠲᠦᠷᠦᠯ ᠵᠦᠢᠯ ᠬᠤᠷᠸ᠎ᠠ ᠠᠵᠣ ᠠᠬᠤᠢ ᠶᠢᠨ ᠨᠦᠯᠦᠬᠡᠯᠡᠯ ᠢᠶᠠᠷ ᠬᠡᠰᠡᠭ ᠦᠢᠯᠡᠳᠪᠣᠷᠢᠯᠡᠯ | ᠪᠠᠶᠢᠭᠤᠯᠣᠯᠲᠠ ᠵᠣᠭᠰᠣᠵᠣ᠂ ᠰᠢᠨ᠎ᠠ ᠲᠦᠷᠤᠯ ᠵᠦᠢᠯ ᠬᠠᠷᠢᠴᠠᠩᠭᠤᠢ ᠴᠦᠬᠡᠷᠡᠵᠤ᠂ ᠠᠵᠣ ᠠᠬᠤᠢ ᠳᠤ ᠦᠵᠡᠬᠦᠯᠬᠦ | ᠲᠣᠯᠭᠠᠭᠤᠷᠢᠯᠠᠬᠤ ᠬᠦᠴᠦᠨ᠂ ᠬᠤᠪᠢ ᠨᠡᠮᠡᠷᠢ ᠢᠯᠡᠷᠬᠡᠢ ᠪᠠᠭᠤᠷᠠᠪᠠ︔ ᠮᠠᠯ ᠲᠠᠷᠢᠶᠠᠯᠠᠩ ᠤᠨ ᠪᠦᠲᠦᠴᠡ ᠶᠢᠨ | ᠲᠣᠬᠢᠷᠠᠭᠤᠯᠣᠯᠲᠠ ᠰᠢᠯᠢᠳᠡᠭᠵᠢᠭᠰᠡᠨ ᠪᠣᠯᠪᠠᠴᠣ ᠲᠣᠯᠣᠭᠠᠶᠢᠯᠠᠭᠴᠢ ᠠᠵᠣ ᠠᠬᠤᠶᠢᠯᠠᠯ ᠤᠨ ᠲᠠᠶᠢᠴᠢᠯᠠᠬᠤ ᠬᠦᠴᠦᠨ | ᠪᠠᠭᠤᠷᠡᠢ᠂ ᠨᠡᠷᠡᠲᠣ ᠲᠡᠮᠲᠡᠭ ᠤᠨ ᠠᠯᠳᠠᠷᠰᠢᠯ ᠠᠨᠠᠢ᠂ ᠵᠠᠬ᠎ᠠ ᠲᠡᠯᠬᠡᠬᠦᠷ ᠡᠵᠡᠯᠡᠬᠦ ᠨᠣᠷᠮ᠎ᠠ ᠲᠣᠣᠷ᠎ᠠ ᠪᠠᠶᠢᠭ᠎ᠠ ᠪᠠᠶᠢᠳᠠᠯ | ᠦᠨᠳᠣᠰᠣᠨ ᠠᠴᠠ ᠪᠠᠨ ᠬᠤᠪᠢᠷᠠᠭᠠᠳᠣᠢ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠨᠡᠮᠡᠭᠳᠡᠯ ᠤᠨ | ᠲᠣᠭᠲᠠᠴᠠ ᠬᠠᠷᠬᠠᠨ ᠪᠦᠷᠢᠯᠳᠣᠬᠡᠳᠣᠢ ᠪᠣᠢ︔ ᠣᠳᠣ ᠦᠶ᠎ᠡ ᠶᠢᠨ ᠦᠢᠯᠡᠴᠢᠯᠡᠬᠡᠨ ᠤ ᠦᠢᠯᠡᠰ ᠪᠣᠯᠣᠨ ᠰᠢᠨ᠎ᠡ | ᠬᠦᠭᠵᠢᠭᠰᠡᠨ ᠠᠵᠣ ᠦᠢᠯᠡᠰ ᠤᠨ ᠬᠡᠪᠴᠢᠶᠡᠵᠢᠯ ᠪᠠᠭ᠎ᠠ᠂ ᠲᠡᠰ ᠲᠣᠣᠷ᠎ᠠ ᠪᠠᠶᠢᠵᠣ᠂ ᠣᠬᠤᠷᠬᠠᠨ ᠬᠤᠭᠤᠴᠠᠭᠠᠨ | ᠲᠣᠲᠣᠷ᠎ᠠ ᠦᠷᠢᠰᠬᠦ ᠬᠦᠴᠦᠨ ᠪᠦᠷᠢᠯᠳᠣᠵᠣ ᠲᠡᠶᠢᠯᠬᠦ ᠦᠬᠡᠢ ᠪᠣᠢ︔ ᠣᠷᠣᠨ ᠬᠡᠪᠴᠢᠶᠡᠨ ᠤ ᠬᠠᠮᠲᠣᠷᠠᠯᠴᠠᠭ᠎ᠠ ᠶᠢᠨ | ᠬᠦᠭᠵᠢᠯᠲᠡ ᠶᠢ ᠠᠬᠢᠭᠤᠯᠬᠤ ᠴᠢᠳᠠᠪᠣᠷᠢ ᠲᠣᠳᠠᠮᠠᠭ᠂ ᠬᠦᠬᠡᠬᠤᠲᠠ ᠪᠣᠭᠤᠲᠣ ᠣᠷᠳᠣᠰ ᠪᠣᠯᠣᠨ ᠢᠷᠭᠠᠢ ᠶᠢᠨ ᠠᠵᠣ | ᠠᠬᠤᠢ ᠶᠢᠨ ᠲᠣᠭᠤᠷᠢᠭ ᠯᠤᠭ᠎ᠠ ᠶᠢᠨ ᠠᠭᠤᠰᠣᠯᠴᠠᠯ ᠬᠠᠷᠬᠠᠨ ᠨᠡᠩ ᠣᠯᠠᠨ ᠪᠣᠳᠠᠲᠣ ᠦᠷ᠎ᠡ ᠪᠦᠲᠤᠮᠵᠢ ᠣᠯᠣᠭᠠᠳᠣᠢ | ᠪᠣᠢ︔ ᠡᠳᠡᠭᠡᠷ ᠠᠰᠠᠭᠤᠳᠠᠯ ᠳᠤ ᠪᠢᠲᠠ ᠵᠦᠪ ᠬᠠᠨᠳᠣᠵᠣ᠂ ᠵᠣᠷᠢᠭᠲᠠᠢ ᠡᠬᠦᠷᠬᠡᠯᠡᠨ᠂ ᠬᠢᠨᠠᠮᠠᠭᠠᠢ ᠰᠢᠢᠳᠪᠣᠷᠢᠯᠡᠵᠣ᠂ | ᠳᠠᠷᠬᠠᠨ ᠬᠠᠷᠢᠭᠤᠴᠠᠯᠭ᠎ᠠ ᠪᠠᠨ ᠭᠤᠲᠣᠭᠠᠬᠤ ᠦᠬᠡᠢ᠂ ᠬᠦᠨᠳᠣ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠃ | ᠬᠤᠶᠠᠷ᠂ 2017 ᠤᠨ ᠤ ᠠᠵᠢᠯ ᠤᠨ ᠪᠠᠶᠢᠷᠢᠯᠠᠭᠤᠯᠤᠯᠳᠠ | ᠥᠨᠥ ᠵᠢᠯ ᠪᠤᠯ ᠲᠤᠰ ᠡᠭᠡᠯᠵᠢ ᠶᠢᠨ ᠵᠠᠰᠠᠭ ᠤᠨ ᠤᠷᠳᠤᠨ ᠤ ᠳᠤᠰᠢᠶᠠᠯ ᠤᠨ ᠬᠤᠭᠤᠴᠠᠭ᠎ᠠ ᠬᠦᠢᠴᠡᠬᠦ ᠤᠨ | ᠮᠥᠷᠳᠡᠭᠡᠨ ᠬᠠᠩᠭᠠᠯᠭ᠎ᠠ ᠶᠢᠨ ᠳᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠵᠢᠯ᠂ | ᠨᠠᠩ ᠴᠤ ︽ᠥᠭᠬᠢᠶᠡᠮᠥᠷ ᠨᠠᠶᠢᠷᠠᠮᠳᠠᠭᠤ ᠲᠠᠯ᠎ᠠ ᠨᠤᠳᠤᠭ᠂ ᠥᠵᠡᠰᠭᠦᠯᠡᠩᠲᠦ ᠰᠠᠶᠢᠬᠠᠨ ᠡᠮᠥᠨᠡᠳᠥ ᠤᠳᠤᠭ︾ ᠤᠨ | ᠴᠤᠭᠴᠠᠯᠠᠯᠳᠠ ᠶᠢ ᠴᠢᠩᠭᠠᠳᠬᠠᠬᠤ ᠵᠠᠩᠬᠢᠯᠠᠭ᠎ᠠ ᠶᠢᠨ ᠵᠢᠯ ᠶᠤᠮ᠂ 2017 ᠤᠨ ᠤ ᠡᠯ᠎ᠡ ᠠᠵᠢᠯ ᠢᠶᠠᠨ ᠰᠠᠶᠢᠳᠤᠷ | ᠪᠡᠶᠡᠯᠡᠭᠦᠯᠭᠦ ᠨᠢ ᠤᠳᠬ᠎ᠠ ᠴᠢᠬᠤᠯᠠ ᠨᠥᠯᠥᠭᠡ ᠭᠥᠨ ᠪᠤᠢ᠃ ᠤᠳᠤᠬᠠᠨ ᠳᠤ᠂ ᠬᠤᠷᠸ᠎ᠠ ᠠᠵᠤ ᠠᠬᠤᠢ ᠶᠢᠨ | ᠬᠠᠨᠳᠤᠰᠢ ᠶᠢᠨ ᠴᠢᠨᠠᠷᠳᠠᠢ ᠲᠥᠭᠰᠢᠭᠦᠷᠢ ᠨᠥᠯᠥᠭᠡ ᠶᠡᠬᠡᠬᠡᠨ ᠪᠠᠶᠢᠭ᠎ᠠ ᠮᠥᠷᠳᠡᠭᠡᠨ ᠪᠢᠳᠠᠨ ᠳᠤ ᠳᠤᠯᠭᠠᠷᠠᠵᠤ ᠪᠠᠶᠢᠭ᠎ᠠ | ᠭᠥᠭᠵᠢᠭᠦᠯᠥᠯᠳᠡ ᠶᠢᠨ ᠪᠠᠶᠢᠳᠠᠯ ᠮᠥᠨ ᠪᠤᠳᠤᠯᠢᠶᠠᠨ ᠶᠡᠭᠡᠳᠡᠢ ᠬᠡᠪ ᠲᠡᠭᠡᠨ ᠪᠠᠶᠢᠵᠤ᠂ ᠠᠰᠢᠭᠳᠠᠢ ᠠᠰᠢᠭ ᠥᠭᠡᠢ | ᠨᠥᠭᠦᠴᠡᠯ ᠬᠢᠭᠡᠳ ᠠᠬᠢᠭᠤᠯᠬᠤ ᠰᠠᠭᠠᠳᠠᠭᠤᠯᠬᠤ ᠭᠥᠴᠥᠨ ᠵᠡᠷᠭᠡᠳᠡ ᠤᠷᠤᠰᠢᠵᠤ ᠪᠠᠶᠢᠭ᠎ᠠ ᠤᠴᠢᠷ ᠠᠴᠠ ᠯᠠᠪᠳᠠᠭᠤᠨ | ᠤᠷᠤᠭᠰᠢᠯᠠᠵᠤ ᠭᠥᠭᠵᠢᠯᠳᠡ ᠶᠢ ᠡᠷᠢᠯᠬᠢᠯᠡᠭᠦ ᠨᠢ ᠤᠯᠤᠰ ᠤᠨ ᠬᠤᠷᠸ᠎ᠠ ᠲᠤᠬᠢᠷᠠᠭᠤᠯᠤᠯᠳᠠ ᠶᠢᠨ ᠲᠥᠷᠥ ᠶᠢᠨ | ᠪᠤᠳᠤᠯᠭ᠎ᠠ ᠪᠠ ᠬᠤᠰᠢᠭᠤᠨ ᠤ ᠠᠵᠢᠯ ᠢ ᠰᠥᠪᠡᠭᠴᠢᠯᠡᠨ ᠠᠬᠢᠭᠤᠯᠬᠤ ᠳᠤ ᠴᠥᠮ ᠨᠡᠶᠢᠴᠡᠬᠦ ᠲᠤᠬᠢᠳᠠᠢ ᠰᠤᠩᠭᠤᠯᠳᠠ | ᠶᠤᠮ᠃ ᠡᠭᠦᠨ ᠤ ᠬᠠᠮᠳᠤ᠂ ᠬᠠᠩᠭᠠᠯᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠳᠠᠢ ᠦᠬᠡᠷᠡᠴᠢᠯᠠᠯᠳᠠ ᠶᠢ | ᠭᠥᠨᠵᠡᠭᠡᠶᠢᠷᠡᠭᠦᠯᠭᠦ ᠪᠠ ᠬᠥᠬᠡᠬᠤᠳᠠ ᠪᠤᠭᠤᠲᠤ ᠤᠷᠳᠤᠰ ᠤᠷᠤᠨ ᠤ ᠵᠤᠬᠢᠴᠠᠯᠳᠠᠢ ᠪᠠᠷ ᠬᠠᠮᠳᠤᠷᠠᠨ ᠭᠥᠭᠵᠢᠭᠦ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠨᠢ ᠮᠠᠨ ᠤ ᠠᠵᠤ ᠠᠬᠤᠢ ᠶᠢᠨ ᠭᠥᠭᠵᠢᠯᠳᠡ ᠳᠤ ᠲᠥᠯᠬᠢᠴᠡ ᠬᠥᠴᠥᠨ | ᠠᠪᠴᠢᠷᠠᠬᠤ ᠪᠠᠷ ᠪᠠᠷᠠᠬᠤ ᠥᠭᠡᠢ ᠭᠥᠭᠵᠢᠭᠦᠯᠭᠦ ᠠᠷᠭ᠎ᠠ ᠬᠡᠯᠪᠡᠷᠢ ᠪᠠ ᠪᠥᠳᠥᠴᠡ ᠪᠥᠷᠢᠯᠳᠥᠴᠡ ᠳᠤ ᠴᠤ ᠬᠤᠪᠢᠷᠠᠯᠳᠠ | ᠭᠠᠷᠭᠠᠨ᠂ ᠪᠥᠳᠥᠴᠡ ᠳᠤ ᠲᠤᠬᠢᠷᠠᠭᠤᠯᠤᠯ ᠬᠢᠭᠦ᠂ ᠲᠤᠳᠠᠭᠤᠳᠠᠯ ᠢ ᠨᠥᠭᠦᠪᠥᠷᠢᠯᠡᠭᠦ᠂ ᠠᠷᠠᠳ ᠢ ᠬᠠᠷᠠᠭᠠᠯᠵᠠᠬᠤ ᠵᠡᠷᠭᠡ | ᠳᠤ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠠᠪᠴᠢᠷᠠᠬᠤ ᠲᠤᠯᠠ᠂ ᠪᠢᠳᠠᠨ ᠤ ᠲᠤᠬᠢᠶᠠᠯ ᠢ ᠡᠵᠡᠮᠳᠡᠨ ᠭᠥᠭᠵᠢᠯᠳᠡ | ᠶᠢ ᠠᠬᠢᠭᠤᠯᠵᠤ᠂ ᠯᠠᠪᠳᠠᠭᠤᠨ ᠢ ᠡᠷᠬᠢᠮᠯᠡᠨ ᠴᠢᠨᠠᠷᠳᠠᠢ ᠤᠷᠤᠭᠰᠢᠯᠠᠬᠤ ᠳᠤ ᠠᠰᠤᠷᠤ ᠶᠡᠭᠡ ᠤᠷᠤᠨ ᠵᠠᠢ ᠬᠠᠩᠭᠠᠭᠰᠠᠨ | ᠪᠠᠶᠢᠨ᠎ᠠ᠃ ᠮᠠᠨ ᠤ ᠬᠤᠰᠢᠭᠤ ᠡᠬᠢ ᠪᠠᠶᠠᠯᠢᠭ ᠤᠨ ᠴᠢᠨᠠᠷᠳᠤ ᠭᠥᠭᠵᠢᠵᠥ ᠪᠠᠶᠢᠭ᠎ᠠ ᠤᠷᠤᠨ ᠳᠤ ᠬᠠᠮᠤᠷᠤᠭᠳᠠᠬᠤ | ᠪᠥᠭᠡᠳ ᠠᠵᠤ ᠠᠬᠤᠢ ᠥᠰᠥᠨ ᠪᠤᠵᠠᠭᠠᠶᠢᠷᠠᠬᠤ ᠬᠤᠭᠤᠴᠠᠭᠠᠨ ᠳᠤ ᠪᠠᠶᠢᠬᠤ ᠪᠤᠯᠬᠤᠷ ᠠᠵᠤ ᠠᠬᠤᠢ ᠶᠢᠨ ᠪᠤᠳᠠᠳᠤ | ᠬᠥᠴᠥᠨ᠂ ᠭᠥᠭᠵᠢᠯᠳᠡ ᠶᠢᠨ ᠨᠥᠭᠡᠴᠡ ᠬᠥᠴᠥᠨ ᠪᠠ ᠶᠡᠷᠥᠩᠭᠡᠶᠢᠯᠡᠭᠰᠡᠨ ᠥᠷᠢᠰᠭᠦ ᠭᠥᠴᠥᠨ ᠡᠳᠥᠷ ᠢᠷᠡᠭᠦᠶ᠎ᠡ | ᠴᠢᠩᠭᠠᠳᠴᠤ᠂ ᠭᠥᠭᠵᠢᠯᠳᠡ ᠶᠢᠨ ᠲᠠᠯᠳᠠ ᠭᠥᠴᠥᠨ ᠢᠶᠠᠨ ᠢᠯᠡᠷᠡᠭᠦᠯᠥᠨ᠂ ᠯᠠᠪᠳᠠᠭᠤᠨ ᠴᠢᠨᠠᠷᠳᠠᠢ ᠥᠷ᠎ᠡ ᠠᠰᠢᠭᠳᠠᠢ | ᠭᠥᠭᠵᠢᠭᠦ ᠶᠢᠨ ᠰᠠᠭᠤᠷᠢ ᠭᠥᠴᠥᠨ ᠨᠡᠩ ᠪᠠᠳᠤᠳᠴᠤ᠂ ᠢᠷᠡᠭᠡᠳᠥᠢ ᠤᠯᠠᠮ ᠰᠠᠷᠠᠭᠤᠯ ᠪᠤᠯᠬᠤ ᠨᠢ ᠲᠠᠮᠵᠢᠭ ᠥᠭᠡᠢ᠃ | ᠪᠢᠳᠠ ᠡᠷᠭᠡᠪᠰᠢ ᠪᠤᠳᠠᠳᠤ ᠪᠠᠶᠢᠳᠠᠯ ᠳᠤ ᠰᠠᠭᠤᠷᠢᠯᠠᠨ ᠠᠯᠤᠰ ᠤᠨ ᠬᠠᠷᠠᠭ᠎ᠠ ᠲᠠᠢ ᠪᠠᠷ ᠬᠥᠴᠥᠯᠡᠨ ᠤᠷᠤᠭᠰᠢᠯᠠᠵᠤ᠂ | ᠨᠠᠩ ᠭᠥᠭᠵᠢᠭᠦᠨ ᠪᠠᠳᠠᠷᠠᠩᠭᠤᠢ ᠵᠤᠷᠢᠭ᠂ ᠨᠠᠩ ᠪᠤᠳᠠᠳᠠᠢ ᠲᠠᠢ ᠤᠶᠠᠯᠳᠤᠭᠤᠯᠤᠭᠰᠠᠨ ᠠᠷᠭ᠎ᠠ ᠲᠥᠰᠥᠯ ᠢᠶᠠᠷ | ᠭᠥᠭᠵᠢᠯᠳᠡ ᠶᠢᠨ ᠤᠬᠢ ᠰᠠᠶᠢᠨ ᠪᠠᠶᠢᠳᠠᠯ ᠢ ᠥᠷᠭᠦᠯᠵᠢᠯᠡᠭᠦᠯᠥᠨ᠂ ᠥᠢᠯᠡᠰ ᠤᠨ ᠰᠠᠴᠤᠷᠠᠩᠭᠤᠢ ᠠᠮᠵᠢᠯᠳᠠ ᠶᠢ | ᠴᠤᠭᠴᠠᠯᠠᠰᠤᠭᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ | ᠲᠥᠷᠪᠡᠳᠥᠭᠡᠷ᠂ ᠲᠠᠪᠤᠳᠤᠭᠠᠷ᠂ ᠵᠢᠷᠭᠤᠳᠤᠭᠠᠷ ᠪᠥᠭᠦᠳᠡ ᠬᠤᠷᠠᠯᠳᠤᠭᠠᠨ ᠤ ᠵᠤᠷᠢᠭ ᠰᠠᠨᠠᠭ᠎ᠠ ᠬᠢᠭᠡᠳ ᠥᠪᠡᠷᠳᠡᠭᠡᠨ | ᠵᠠᠰᠠᠬᠤ ᠤᠷᠤᠨ᠂ ᠬᠤᠳᠠ᠂ ᠬᠤᠰᠢᠭᠤᠨ ᠤ ᠪᠥᠭᠦᠳᠡ ᠬᠤᠷᠠᠯ ᠤᠳ ᠤᠨ ᠵᠤᠷᠢᠭ ᠰᠠᠨᠠᠭ᠎ᠠ ᠢ ᠭᠥᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠥᠨᠥ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠥᠩᠭᠡᠢ | ᠱᠠᠭᠠᠷᠳᠠᠯᠭ᠎ᠠ ᠪᠤᠯ᠄ ᠯᠠᠪᠳᠠᠭᠤᠨ ᠢᠶᠠᠷ ᠤᠷᠤᠭᠰᠢᠯᠠᠬᠤ ᠪᠠᠨ ᠴᠢᠩᠭ᠎ᠠ ᠪᠠᠷᠢᠮᠳᠠᠯᠠᠨ᠂ ᠴᠢᠨᠠᠷ ᠴᠢᠨᠰᠠᠭ᠎ᠠ ᠪᠤᠯᠤᠨ ᠥᠷ᠎ᠡ | ᠠᠰᠢᠭ ᠢ ᠲᠡᠭᠡᠭᠰᠢᠯᠡᠭᠦᠯᠭᠦ ᠪᠠᠷ ᠭᠤᠤᠯᠯᠠᠭᠤᠯᠵᠤ᠂ ᠲᠥᠷᠥᠯ ᠵᠥᠢᠯ ᠢᠶᠠᠷ ᠭᠥᠭᠵᠢᠯᠳᠡ ᠶᠢ ᠲᠥᠷᠭᠡᠳᠭᠡᠨ᠂ ᠬᠤᠳᠠ | ᠬᠥᠳᠡᠭᠡ ᠶᠢ ᠨᠢᠭᠡᠳᠥᠯᠳᠡᠢ ᠲᠥᠯᠥᠪᠵᠢᠭᠦᠯᠥᠨ ᠡᠶ᠎ᠡ ᠵᠤᠬᠢᠴᠠᠯ ᠢ ᠠᠬᠢᠭᠤᠯᠵᠤ᠂ ᠤᠷᠤᠨᠵᠢᠭᠤᠯᠤᠯᠳᠠ | ᠨᠠᠶᠢᠳᠠᠪᠤᠷᠢᠵᠢᠭᠤᠯᠤᠯᠳᠠ ᠳᠤ ᠭᠥᠴᠥᠯᠡᠨ᠂ ᠪᠤᠳᠠᠳᠤ ᠴᠤᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ︔ | ᠨᠡᠷᠡᠲᠦ ᠲᠡᠮᠳᠡᠭ ᠪᠤᠯᠤᠨ ᠴᠢᠨᠠᠷ ᠴᠢᠨᠰᠠᠭ᠎ᠠ ᠶᠢ ᠴᠢᠬᠤᠯᠠᠴᠢᠯᠠᠵᠤ᠂ ᠠᠷᠠᠳ ᠤᠨ ᠠᠰᠢᠭ ᠵᠢᠷᠭᠠᠯ ᠢ ᠨᠡᠮᠡᠭᠳᠡᠭᠦᠯᠥᠨ᠎ᠡ︔ | ᠥᠭᠡᠷᠡᠴᠢᠯᠠᠯᠳᠡ ᠰᠢᠨᠡᠴᠢᠯᠡᠯᠳᠡ ᠶᠢ ᠴᠢᠬᠤᠯᠠᠴᠢᠯᠠᠨ ᠭᠥᠭᠵᠢᠯᠳᠡ ᠶᠢᠨ ᠭᠥᠳᠡᠯᠭᠡᠭᠴᠢ ᠭᠥᠴᠥᠨ ᠢ ᠴᠢᠩᠭᠠᠳᠬᠠᠨ᠎ᠠ︔ | ᠲᠤᠳᠠᠭᠤᠳᠠᠯ ᠢ ᠨᠥᠭᠦᠪᠥᠷᠢᠯᠡᠨ ᠰᠠᠭᠤᠷᠢ ᠶᠢ ᠪᠠᠳᠤᠳᠬᠠᠵᠤ ᠭᠥᠭᠵᠢᠯᠳᠡ ᠶᠢᠨ ᠤᠷᠴᠢᠨ ᠠᠬᠤᠢ ᠶᠢ | ᠰᠢᠯᠢᠳᠡᠭᠵᠢᠭᠦᠯᠥᠨ᠎ᠡ︔ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠤᠬᠢ ᠰᠠᠶᠢᠨ ᠭᠥᠭᠵᠢᠯᠳᠡ ᠶᠢᠨ | ᠰᠢᠨ᠎ᠡ ᠵᠠᠮ ᠢ ᠡᠷᠢᠯᠬᠢᠯᠡᠵᠥ᠂ ᠪᠥᠭᠦ ᠤᠷᠤᠨ ᠳᠤ ᠲᠥᠷᠥᠭᠦᠯᠡᠨ ᠴᠢᠨᠡᠭᠡᠯᠢᠭ ᠨᠡᠶᠢᠭᠡᠮ ᠳᠤ ᠤᠷᠤᠬᠤ ᠰᠠᠭᠤᠷᠢ ᠶᠢ | ᠴᠢᠨᠠᠷᠯᠢᠭ ᠪᠠᠳᠤᠳᠬᠠᠨ᠎ᠠ᠃ ᠠᠵᠤ ᠠᠬᠤᠢ ᠶᠢᠨ ᠭᠥᠭᠵᠢᠯᠳᠡ ᠶᠢ ᠨᠥᠯᠥᠭᠡᠯᠡᠭᠦ ᠡᠯᠧᠮᠧᠨ᠋ᠲ ᠨᠦᠭᠦᠳ ᠪᠤᠯᠤᠨ ᠨᠠᠶᠢᠭᠡᠮ | ᠤᠨ ᠪᠠᠶᠢᠭᠤᠯᠤᠯᠳᠠ ᠶᠢᠨ ᠪᠤᠳᠠᠳᠤ ᠱᠠᠭᠠᠷᠳᠠᠯᠭ᠎ᠠ ᠠᠴᠠ ᠶᠡᠷᠥᠩᠭᠡᠶᠢᠯᠡᠨ ᠪᠤᠳᠤᠯᠬᠢᠯᠠᠵᠤ᠂ ᠥᠨᠥ ᠵᠢᠯ ᠤᠨ ᠭᠤᠤᠯ | ᠪᠤᠯᠬᠤ ᠵᠢᠱᠢᠭᠰᠡᠨ ᠬᠠᠷᠠᠯᠳᠠ ᠶᠢ ᠲᠤᠭᠳᠠᠭᠠᠪᠠᠯ᠄ ᠪᠥᠭᠦ ᠬᠤᠰᠢᠭᠤᠨ ᠤ ᠭᠠᠵᠠᠷ ᠤᠷᠤᠨ ᠤ ᠥᠢᠯᠡᠳᠪᠥᠷᠢᠯᠡᠯ ᠤᠨ | ᠶᠡᠷᠥᠩᠬᠡᠢ ᠥᠷᠳᠡᠭ ᠢ 9% ᠥᠰᠭᠡᠵᠥ᠂ 149 ᠳ᠋ᠥᠩᠰᠢᠭᠤᠷ ᠲᠥᠭᠦᠷᠢᠭ ᠭᠥᠷᠭᠡᠨ᠎ᠡ︔ ᠲᠤᠭᠳᠠᠮᠠᠯ ᠬᠥᠷᠥᠩᠭᠡ | ᠶᠢᠨ ᠪᠡᠯᠡ ᠤᠷᠤᠭᠤᠯᠤᠯᠳᠠ ᠶᠢ 13% ᠥᠰᠭᠡᠵᠥ᠂ 302 ᠳ᠋ᠥᠩᠰᠢᠭᠤᠷ ᠲᠥᠭᠦᠷᠢᠭ ᠭᠥᠷᠭᠡᠨ᠎ᠡ︔ ᠨᠡᠶᠢᠳᠡ ᠶᠢᠨ | ᠡᠳ᠋ ᠤᠨ ᠵᠠᠰᠠᠭ ᠤᠨ ᠤᠷᠤᠯᠭ᠎ᠠ ᠶᠢᠨ ᠲᠥᠰᠥᠪ ᠢ 8% ᠥᠰᠭᠡᠵᠥ᠂ 19.5 ᠳ᠋ᠥᠩᠰᠢᠭᠤᠷ ᠲᠥᠭᠦᠷᠢᠭ ᠭᠥᠷᠭᠡᠨ᠎ᠡ | ︔ ᠨᠡᠶᠢᠭᠡᠮ ᠤᠨ ᠭᠡᠷᠡᠭᠯᠡᠭᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 10% ᠥᠰᠭᠡᠵᠥ᠂ | 25 ᠳ᠋ᠥᠩᠰᠢᠭᠤᠷ ᠲᠥᠭᠦᠷᠢᠭ ᠭᠥᠷᠭᠡᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠭᠥᠮᠥᠨ ᠲᠤᠳᠤᠮ ᠤᠨ | ᠡᠵᠡᠮᠳᠡᠵᠥ ᠪᠤᠯᠬᠤ ᠤᠷᠤᠯᠭ᠎ᠠ ᠶᠢ 8.5% ᠪᠤᠯᠤᠨ 9% ᠥᠰᠭᠡᠵᠥ᠂ 41575 ᠲᠥᠭᠦᠷᠢᠭ ᠪᠠ 17007 | ᠲᠥᠭᠦᠷᠢᠭ ᠭᠥᠷᠭᠡᠨ᠎ᠡ᠃ | ᠲᠥᠯᠥᠭᠡᠯᠡᠭᠴᠢᠳ ᠡ᠂ ᠤᠳᠤᠭ ᠤᠨ ᠡᠮᠥᠨᠡᠳᠥ ᠬᠤᠰᠢᠭᠤᠨ ᠤ ᠭᠥᠭᠵᠢᠯᠳᠡ ᠰᠢᠨ᠎ᠡ ᠡᠬᠢᠯᠡᠯᠳᠡ ᠶᠢᠨ ᠴᠡᠭ | ᠲᠡᠭᠡᠷ᠎ᠡ ᠭᠥᠷᠴᠥ ᠢᠷᠡᠭᠰᠡᠨ ᠪᠤᠯᠬᠤᠷ ᠪᠢᠳᠠ ᠭᠥᠭᠵᠢᠯᠳᠡ ᠶᠢᠨ ᠵᠠᠮ ᠢᠶᠠᠨ ᠠᠬᠢᠨ ᠡᠷᠬᠢᠴᠡᠭᠦᠯᠵᠥ ᠲᠠᠬᠢᠨ ᠲᠤᠩᠭᠠᠬᠤ | ᠴᠢᠬᠤᠯᠠ ᠲᠠᠢ ᠪᠠᠶᠢᠨ᠎ᠠ᠃ ᠮᠠᠨ ᠤ ᠥᠢᠯᠡᠰ ᠠᠵᠠ ᠲᠤᠬᠢᠶᠠᠯ ᠢ ᠪᠠᠳᠤ ᠡᠵᠡᠮᠳᠡᠨ ᠵᠤᠷᠢᠭᠳᠠᠢ ᠡᠷᠢᠯᠬᠢᠯᠡᠵᠥ ᠬᠠᠶᠢᠨ | ᠰᠥᠪᠡᠭᠴᠢᠯᠡᠭᠦ ᠪᠠᠷ ᠲᠠᠮᠵᠢᠨ ᠢᠮᠠᠭᠳᠠ ᠤᠷᠤᠭᠰᠢᠯᠠᠭᠰᠠᠭᠠᠷ ᠢᠷᠡᠭᠰᠡᠨ᠂ ᠮᠠᠨ ᠤ ᠪᠥᠳᠥᠮᠵᠢ ᠪᠤᠯ ᠨᠢᠭᠳᠠᠷᠠᠨ | ᠪᠥᠯᠭᠦᠮᠳᠡᠵᠥ ᠭᠥᠴᠥᠯᠡᠨ ᠲᠡᠮᠡᠴᠡᠭᠰᠡᠨ ᠤ ᠥᠷ᠎ᠡ ᠪᠥᠳᠥᠭᠡᠯ ᠶᠤᠮ᠂ ᠪᠠᠳᠤ ᠪᠥᠯᠭᠦᠮᠳᠠᠯ ᠪᠤᠯ ᠴᠢ ᠪᠢᠳᠠᠠ ᠤ ᠡᠷᠴᠢ | ᠭᠥᠴᠥᠨ ᠤ ᠡᠬᠢ ᠥᠨᠳᠥᠰᠥ ᠪᠥᠭᠡᠳ ᠲᠠᠪᠬᠤᠷ ᠲᠠᠪᠬᠤᠷ ᠪᠡᠷᠭᠡ ᠰᠠᠭᠠᠳ ᠢ ᠲᠠᠪᠠᠨ ᠲᠤᠭᠤᠯᠤᠭᠰᠠᠨ ᠤᠭ | ᠰᠢᠯᠳᠠᠭᠠᠨ ᠶᠤᠮ᠃ ᠥᠨᠥᠳᠥᠷ ᠪᠢᠳᠠ ᠥᠭᠡᠷ᠎ᠡ ᠨᠢᠭᠡᠨ ᠬᠠᠷᠠᠯᠳᠠ ᠵᠤᠷᠢᠯᠳᠠ ᠶᠢᠨ ᠵᠥᠭ ᠲᠠᠬᠢᠨᠳᠠ ᠭᠠᠷᠮᠠᠭᠠᠶᠢᠯᠠᠨ | ᠲᠡᠮᠡᠴᠡᠬᠦ ᠪᠤᠯᠤᠭᠰᠠᠨ ᠲᠤᠯᠠ ᠪᠥᠯᠭᠦᠮᠳᠡᠯ ᠨᠡᠩ ᠴᠤ ᠡᠷᠬᠢᠮ ᠴᠢᠬᠤᠯᠠ ᠪᠠᠶᠢᠨ᠎ᠠ᠂ ᠪᠢᠳᠠ ᠬᠠᠷᠢᠭᠤᠴᠠᠯᠭ᠎ᠠ ᠪᠠᠨ | ᠴᠢᠩᠭᠠᠳᠬᠠᠨ ᠭᠥᠴᠥᠯᠡᠨ ᠲᠡᠮᠡᠴᠡᠵᠥ᠂ ᠪᠤᠳᠠᠳᠤ ᠠᠵᠢᠯ ᠢ ᠴᠢᠬᠤᠯᠠᠴᠢᠯᠠᠨ᠂ ᠪᠥᠯᠭᠦᠮᠳᠠᠯ ᠨᠢᠭᠳᠠᠷᠠᠯ ᠲᠠᠢ ᠪᠠᠷ ︽ | ᠥᠭᠬᠢᠶᠡᠮᠥᠷ ᠨᠠᠶᠢᠷᠠᠮᠳᠠᠭᠤ ᠲᠠᠯ᠎ᠠ ᠨᠤᠳᠤᠭ ᠥᠵᠡᠰᠭᠦᠯᠡᠩᠳᠤ ᠰᠠᠶᠢᠬᠠᠨ ᠡᠮᠥᠨᠡᠳᠥ ᠤᠳᠤᠭ︾ ᠤᠨ ᠴᠤᠭᠴᠠᠯᠠᠯᠳᠠ | ᠶᠢᠨ ᠰᠢᠨ᠎ᠡ ᠬᠠᠭᠤᠳᠠᠰᠤ ᠶᠢ ᠪᠢᠴᠢᠭᠯᠡᠰᠥᠭᠡᠢ᠃ | ︵ᠨᠢᠭᠡ︶ ᠲᠥᠷᠥᠯ ᠵᠥᠢᠯ ᠢᠶᠠᠷ ᠬᠥᠳᠡᠯᠭᠡᠭᠦᠷ ᠬᠢᠵᠥ᠂ ᠪᠤᠳᠠᠳᠤ ᠴᠤᠭᠴᠠ ᠶᠢᠨ ᠠᠵᠤ ᠠᠬᠤᠢ ᠶᠢ | ᠭᠥᠭᠵᠢᠭᠦᠯᠥᠨ᠂ ᠠᠵᠤ ᠥᠢᠯᠡᠳᠪᠥᠷᠢ ᠶᠢᠨ ᠠᠵᠤ ᠠᠬᠤᠢ ᠶᠢᠨ ᠭᠡᠪᠴᠢᠶ᠎ᠡ ᠶᠢ ᠥᠷᠭᠡᠳᠭᠡᠨ ᠥᠷ᠎ᠡ ᠠᠰᠢᠭ ᠢ | ᠨᠡᠮᠡᠭᠳᠡᠭᠦᠯᠥᠨ᠎ᠡ᠃ ︽ᠲᠥᠷᠥᠯ ᠵᠥᠢᠯ ᠤᠨ ᠰᠢᠪᠳᠤᠯᠤᠯᠳᠠ ᠶᠢᠨ ᠤᠨ︾ ᠤ ᠭᠥᠴᠥᠯᠡᠴᠡ ᠶᠢ ᠭᠥᠨᠵᠡᠭᠡᠶᠢᠷᠡᠭᠦᠯᠥᠨ᠂ | ᠪᠤᠳᠠᠳᠤ ᠴᠤᠭᠴᠠ ᠶᠢᠨ ᠠᠵᠤ ᠠᠬᠤᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠭᠥᠴᠥᠨ ᠢᠶᠠᠨ ᠲᠥᠪᠯᠡᠷᠡᠭᠦᠯᠥᠨ | ᠠᠵᠤ ᠥᠢᠯᠡᠳᠪᠥᠷᠢ ᠶᠢᠨ ᠭᠤᠤᠯᠳᠠᠯᠭᠠᠳᠠᠢ 17 ᠲᠥᠷᠥᠯ ᠵᠥᠢᠯ ᠢ ᠠᠬᠢᠭᠤᠯᠤᠨ᠂ ᠠᠵᠤ ᠥᠢᠯᠡᠳᠪᠥᠷᠢ ᠶᠢᠨ | ᠨᠡᠮᠡᠭᠳᠡᠯ ᠥᠷᠳᠡᠭ ᠢ 72 ᠳ᠋ᠥᠩᠰᠢᠭᠤᠷ ᠲᠥᠭᠦᠷᠢᠭ ᠬᠥᠷᠭᠡᠵᠥ᠂ 9% ᠥᠰᠭᠡᠭᠡᠨᠡ᠃ ᠠᠵᠤ ᠥᠢᠯᠡᠰ ᠤᠨ ᠲᠡᠰ | ᠲᠡᠪᠰᠢᠯᠳᠠ ᠶᠢ ᠴᠢᠬᠤᠯᠠᠴᠢᠯᠠᠨ᠂ ᠲᠥᠷᠥᠯ ᠵᠥᠢᠯ ᠤᠨ ᠬᠢᠨᠠᠯᠳᠠ ᠴᠤᠬᠤᠯᠠᠪᠤᠷᠢᠯᠠᠯ ᠢ ᠱᠠᠯᠠᠪᠳᠠᠭᠤᠯᠤᠨ᠎ᠠ᠃ | ᠴᠤᠬᠤᠯᠠᠪᠤᠷᠢᠯᠠᠯ ᠤᠨ ᠭᠤᠷᠢᠮ ᠳᠤ ᠡᠬᠢᠯᠡᠨ ᠤᠷᠤᠭᠰᠠᠨ ᠭᠤᠤᠯᠳᠠᠯᠭᠠᠳᠤ ᠲᠥᠷᠥᠯ ᠵᠥᠢᠯ ᠤᠳ ᠢ ᠰᠠᠶᠢᠳᠤᠷ | ᠠᠩᠬᠠᠷᠴᠤ᠂ ᠡᠶ᠎ᠡ ᠡᠪᠳᠡᠢ ᠪᠠᠷ ᠪᠤᠭᠤᠮᠢ ᠬᠢᠵᠠᠭᠠᠷᠯᠠᠯ ᠢ ᠰᠢᠪᠳᠤᠯᠤᠨ᠂ ᠲᠥᠷᠥᠯ ᠵᠥᠢᠯ ᠪᠥᠷᠢ ᠳᠤ ᠭᠥᠭᠵᠢᠭᠦᠯᠥᠯᠳᠡ | ᠶᠢᠨ ᠠᠷᠭ᠎ᠠ ᠲᠥᠰᠥᠯ ᠲᠤᠭᠳᠠᠭᠠᠵᠤ᠂ ᠤᠳᠤᠷᠢᠳᠤᠯᠭ᠎ᠠ ᠪᠡᠶᠡᠴᠢᠯᠡᠵᠥ ᠬᠠᠮᠢᠶᠠᠷᠤᠨ᠂ ᠤᠳᠤᠷᠢᠳᠬᠤ ᠪᠠᠭ ᠲᠠᠶᠠᠭᠠᠷ | ᠭᠥᠴᠥᠯᠡᠨ ᠴᠢᠷᠮᠠᠶᠢᠵᠤ᠂ ᠬᠤᠸᠠ ᠰᠢᠩ ᠤᠨ 40 ᠳ᠋ᠥᠩᠰᠢᠭᠤᠷ ᠺᠥᠪ ᠮᠧᠲᠷ ᠤᠨ ᠨᠡᠭᠦᠷᠡᠰᠥ ᠪᠠᠷ ᠬᠡᠢ ᠥᠢᠯᠡᠳᠭᠦ | ᠲᠥᠷᠥᠯ ᠵᠥᠢᠯ ᠤᠨ ᠪᠠᠷᠢᠯᠭ᠎ᠠ ᠡᠬᠢᠯᠡᠬᠦ ᠨᠦᠬᠦᠴᠡᠯ ᠢ ᠪᠦᠷᠢᠳᠤᠬᠦᠯᠵᠤ᠂ 1 ᠴᠠᠬᠢᠯᠭᠠᠨ ᠤᠶᠢᠯᠡᠤᠨᠪᠤᠷᠢ ᠪᠤᠯᠤᠨ | ᠬᠤᠸᠠ ᠰᠢᠩ ᠤᠨ 60 ᠲᠥᠮᠡᠨ ᠲᠤᠨ ᠤ ᠠᠯᠺᠧᠨ ᠤ ᠲᠥᠷᠥᠯ ᠵᠥᠢᠯ ᠢ ᠴᠤᠬᠤᠯᠠᠪᠤᠷᠢᠯᠠᠭᠤᠯᠵᠤ᠂ ᠬᠠᠶᠢᠯᠠᠰᠤᠨ | ᠬᠤᠳᠳᠤᠭ ᠤᠨ ᠨᠡᠭᠦᠷᠡᠰᠥᠨ ᠠᠭᠤᠷᠬᠠᠢ ᠶᠢᠨ ᠥᠢᠯᠡᠳᠪᠥᠷᠢᠯᠡᠯ ᠢ ᠨᠢ ᠰᠡᠷᠭᠦᠭᠡᠨ᠂ ᠴᠠᠩ ᠴᠧᠩ 3᠂ 5᠂ 6 | ᠳ᠋ᠤᠭᠠᠷ ᠨᠤᠮᠧᠷᠳᠤ ᠨᠡᠭᠦᠷᠡᠰᠥᠨ ᠠᠭᠤᠷᠬᠠᠢ ᠶᠢ ᠴᠤᠬᠤᠯᠠᠪᠤᠷᠢᠯᠠᠯ ᠤᠯᠭᠤᠵᠤ᠂ ᠴᠠᠩ ᠴᠧᠩ 1 ᠳ᠋ᠥ᠋ᠭᠡᠷ ᠨᠤᠮᠧᠷᠳᠤ | ᠨᠡᠭᠦᠷᠡᠰᠥᠨ ᠠᠭᠤᠷᠬᠠᠢ ᠶᠢ ᠲᠡᠰ ᠲᠡᠪᠰᠢᠭᠦᠯᠵᠥ ᠥᠭᠡᠷᠡᠴᠢᠯᠡᠨ᠂ ᠨᠡᠭᠦᠷᠡᠰᠥᠨ ᠤ ᠶᠡᠷᠥᠩᠭᠡᠢ ᠭᠠᠷᠤᠯᠳᠠ ᠶᠢ 600 | ᠲᠥᠮᠡᠨ ᠲᠤᠨ ᠭᠥᠷᠭᠡᠨ᠎ᠡ︔ ᠪᠤᠳᠠᠳᠤ ᠴᠤᠭᠴᠠ ᠶᠢᠨ ᠠᠵᠤ ᠠᠬᠤᠢ ᠶᠢ ᠴᠢᠬᠤᠯᠠᠴᠢᠯᠠᠨ᠂ ᠲᠥᠷᠥᠯ ᠵᠥᠢᠯ ᠤᠨ | ᠤᠷᠤᠨᠵᠢᠭᠤᠯᠤᠯᠳᠠ ᠶᠢ ᠰᠠᠶᠢᠳᠤᠷ ᠴᠢᠩᠭᠠᠳᠬᠠᠨ᠎ᠠ᠃ ᠪᠠᠷᠢᠯᠭ᠎ᠠ ᠡᠬᠢᠯᠡᠭᠦᠯᠭᠦ ᠨᠥᠭᠦᠴᠡᠯ ᠪᠥᠷᠢᠳᠥᠭᠰᠡᠨ | ᠭᠤᠤᠯᠳᠠᠯᠭᠠᠳᠤ ᠲᠥᠷᠥᠯ ᠵᠥᠢᠯ ᠤᠨ ᠠᠵᠢᠯ ᠢ ᠲᠥᠷᠭᠡᠳᠭᠡᠵᠥ᠂ ᠲᠡᠭᠡᠳᠥ ᠱᠠᠳᠤᠨ ᠳᠤ ᠮᠡᠳᠡᠭᠦᠯᠥᠨ ᠱᠠᠯᠠᠪᠳᠠᠭᠤᠯᠬᠤ | ᠠᠵᠢᠯ ᠢ ᠬᠢᠨᠠᠨ ᠵᠢᠯᠤᠭᠤᠳᠬᠤ ᠪᠠᠨ ᠴᠢᠩᠭᠠᠳᠬᠠᠨ᠂ ᠤᠯᠤᠰ ᠤᠨ ᠴᠠᠬᠢᠯᠭᠠᠨ ᠤ ᠱᠤᠸᠠᠩ ᠸᠧᠢ ᠪᠤᠯᠤᠨ ᠱᠠᠨᠳᠥ᠋ᠩ | ᠤᠨ ᠱᠧᠩ ᠯᠤ᠋ ᠶᠢᠨ ᠬᠤᠶᠠᠷ 2× 100 ᠲᠥᠮᠡᠨ ᠺᠢᠯᠤᠸᠠᠲ ᠤᠨ ᠨᠡᠭᠦᠷᠡᠰᠥᠨ ᠴᠠᠬᠢᠯᠭᠠᠨ ᠤ ᠥᠢᠯᠡᠳᠪᠥᠷᠢ ᠶᠢᠨ | ᠪᠠᠶᠢᠭᠤᠯᠤᠯᠳᠠ ᠶᠢ ᠠᠬᠢᠭᠤᠯᠵᠤ᠂ ᠺᠧ ᠰᠧ ᠪᠤᠯᠤᠨ ᠶᠠ ᠬᠠᠢ ᠶᠢᠨ ᠬᠤᠶᠠᠷ LNG ᠤᠨ ᠲᠥᠷᠥᠯ ᠵᠥᠢᠯ ᠤᠨ | ᠲᠥᠭᠦᠭᠡᠷᠥᠮᠵᠢ ᠶᠢ ᠤᠭᠰᠠᠷᠠᠨ᠂ ᠳᠤᠷᠰᠢᠨ ᠤᠶᠢᠯᠡᠤᠨᠪᠤᠷᠢᠯᠡᠬᠦ ᠪᠠᠷ ᠴᠢᠷᠮᠠᠶᠢᠨ᠎ᠠ᠃ ᠰᠢᠳᠠᠮᠠᠬᠠᠢ ᠬᠡᠢ ᠶᠢᠨ | ᠬᠡᠪᠴᠢᠶᠡᠵᠢᠭᠰᠡᠨ ᠪᠤᠬᠢᠷᠳᠤᠯ ᠦᠬᠡᠢ ᠨᠡᠬᠡᠬᠡᠯᠳᠠ ᠶᠢ ᠠᠬᠢᠭᠤᠯᠵᠤ᠂ ᠳᠤᠰ ᠵᠢᠯ ᠳᠤ ᠰᠢᠳᠠᠮᠠᠬᠠᠢ ᠬᠡᠢ ᠶᠢᠨ ᠬᠤᠤᠨᠳᠤᠭ | ᠢ ᠰᠢᠨ᠎ᠠ ᠪᠠᠷ 230 ᠠᠴᠠ ᠳᠡᠬᠡᠭᠰᠢ ᠦᠷᠤᠮᠳᠡᠵᠤ᠂ ᠬᠡᠢ ᠳᠠᠮᠵᠢᠭᠤᠯᠬᠤ ᠬᠤᠭᠤᠯᠠᠢ ᠶᠢᠨ ᠪᠠᠶᠢᠭᠤᠯᠤᠯᠳᠠ ᠶᠢ 150 | ᠺᠢᠯᠤᠮᠧᠲᠷ ᠠᠴᠠ ᠳᠠᠪᠠᠭᠤᠯᠤᠨ᠂ ᠰᠢᠳᠠᠮᠠᠬᠠᠢ ᠬᠡᠢ ᠶᠢᠨ ᠭᠠᠷᠤᠯᠳᠠ ᠶᠢ 45 ᠳ᠋ᠦᠩᠰᠢᠭᠤᠷ ᠺᠦᠪ ᠮᠧᠲᠷ ᠲᠤ | ᠬᠦᠷᠬᠡᠨ᠎ᠠ᠃ ᠬᠦᠭᠵᠢᠯᠳᠠ ᠶᠢᠨ ᠨᠦᠬᠡᠴᠠ ᠬᠦᠴᠤᠨ ᠬᠤᠷᠠᠮᠳᠤᠭᠤᠯᠬᠤ ᠶᠢ ᠴᠢᠬᠤᠯᠠᠴᠢᠯᠠᠨ᠂ ᠲᠦᠷᠤᠯ ᠵᠦᠢᠯ ᠤᠨ | ᠨᠦᠬᠡᠴᠡᠯᠡᠯ ᠢ ᠰᠠᠶᠢᠳᠤᠷ ᠠᠤᠨᠬᠤᠨ᠎ᠠ᠃ ᠤᠯᠤᠰ ᠤᠨ ᠠᠵᠤ ᠤᠶᠢᠯᠡᠰ ᠤᠨ ᠲᠦᠷᠤ ᠶᠢᠨ ᠪᠤᠳᠤᠯᠭ᠎ᠠ ᠶᠢᠨ ᠬᠠᠨᠳᠤᠰᠢ | ᠴᠢᠭᠯᠡᠯ ᠢ ᠡᠵᠡᠮᠳᠡᠵᠤ᠂ ᠨᠡᠬᠦᠷᠡᠰᠤᠨ ᠤ ᠨᠠᠷᠢᠯᠢᠭ ᠪᠤᠯᠪᠠᠰᠤᠷᠠᠯᠳᠠ ᠪᠠ ᠨᠡᠬᠦᠷᠡᠰᠤᠨ ᠬᠢᠮᠢ ᠶᠢᠨ ᠳᠤᠤᠷᠠᠳᠤ | ᠦᠵᠤᠬᠦᠷᠰᠢᠯ ᠤᠨ ᠠᠵᠤ ᠤᠶᠢᠯᠡᠰ ᠢᠶᠠᠷ ᠭᠤᠤᠯ ᠪᠤᠯᠭᠠᠨ᠂ ᠨᠢᠬᠡ ᠪᠦᠯᠦᠭ ᠳᠡᠰᠵᠢᠭᠰᠡᠨ ᠦᠵᠤᠬᠦᠷᠰᠢᠭᠰᠡᠨ ᠬᠡᠯᠬᠢᠶ᠎ᠡ | ᠶᠢ ᠤᠷᠳᠤᠰᠬᠠᠨ ᠨᠦᠬᠦᠪᠤᠷᠢᠯᠡᠬᠦ ᠲᠦᠷᠤᠯ ᠵᠦᠢᠯ ᠢ ᠨᠦᠬᠡᠴᠡᠯᠡᠵᠤ᠂ ᠡᠮᠤᠨ᠎ᠡ ᠬᠤᠭᠤᠴᠠᠭᠠᠨ ᠤ ᠠᠵᠢᠯ ᠢ | ᠠᠬᠢᠭᠤᠯᠵᠤ᠂ ᠲᠦᠰᠤᠪᠯᠡᠨ ᠲᠦᠯᠤᠪᠵᠢᠬᠦᠯᠬᠦ ᠪᠠ ᠳᠠᠸᠠᠷᠴᠢᠯᠠᠨ ᠳᠠᠨᠢᠯᠴᠠᠭᠤᠯᠬᠤ ᠠᠵᠢᠯ ᠢ ᠰᠠᠶᠢᠳᠤᠷ ᠬᠢᠵᠤ᠂ ᠪᠡᠯᠡ | ᠳᠠᠳᠠᠭᠰᠡᠨ ᠲᠦᠷᠤᠯ ᠵᠦᠢᠯ ᠤᠨ ᠲᠦᠬᠦᠮᠴᠢᠯᠡᠵᠤ ᠲᠦᠳᠡᠴᠢᠯᠡᠭᠰᠡᠨ ᠦᠪᠡᠷ ᠤᠨ ᠦᠷᠳᠡᠭ ᠳᠤᠤᠷ᠎ᠠ ᠡᠷᠬᠢᠯᠳᠠ ᠶᠢᠨ | ᠳᠠᠪᠴᠠᠩ ᠢ ᠬᠦᠴᠤᠯᠡᠨ ᠪᠠᠶᠢᠭᠤᠯᠤᠨ᠎ᠠ᠃ ᠵᠠᠰᠠᠭ ᠤᠨ ᠤᠷᠳᠤᠨ ᠬᠤᠪᠢ ᠤᠷᠣᠬᠤ ᠵᠠᠭᠪᠤᠷ ᠢ ᠢᠳᠡᠪᠬᠢᠳᠠᠢ | ᠰᠦᠪᠡᠭᠴᠢᠯᠡᠨ᠂ ᠨᠡᠬᠦᠷᠡᠰᠤᠨ ᠳᠠᠪᠬᠤᠷᠭ᠎ᠠ ᠶᠢᠨ ᠬᠡᠢ᠂ ᠵᠠᠨᠠᠷ ᠤᠨ ᠬᠡᠢ ᠵᠡᠷᠬᠡ ᠪᠠᠶᠢᠩᠭᠤ ᠶᠢᠨ ᠪᠤᠰᠤ ᠳᠤᠰᠤ ᠬᠡᠢ | ᠶᠢᠨ ᠡᠬᠢ ᠰᠤᠷᠪᠤᠯᠵᠢ ᠶᠢᠨ ᠡᠮᠬᠢᠳᠠᠢ ᠨᠡᠬᠡᠬᠡᠯᠳᠠ ᠶᠢ ᠠᠬᠢᠭᠤᠯᠵᠤ᠂ ᠨᠢᠬᠡ ᠪᠦᠯᠦᠭ ᠰᠢᠨ᠎ᠠ ᠡᠨᠧᠷᠬᠢ ᠶᠢᠨ ᠲᠦᠷᠤᠯ | ᠵᠦᠢᠯ ᠢ ᠨᠦᠬᠡᠴᠡᠯᠡᠬᠦ ᠪᠠ ᠬᠡᠷᠡᠭᠵᠢᠬᠦᠯᠵᠤ᠂ ᠤᠯᠠᠨ ᠡᠰᠢᠵᠢᠯ ᠢᠶᠠᠷ ᠬᠦᠳᠡᠯᠬᠡᠬᠦᠷ ᠪᠤᠯᠭᠠᠭᠰᠡᠨ᠂ ᠤᠯᠠᠨ ᠳᠦᠢᠯ ᠢᠶᠠᠷ | ᠨᠡᠮᠡᠭᠳᠡᠯ ᠪᠤᠯᠭᠠᠭᠰᠡᠨ ᠡᠨᠧᠷᠬᠢ ᠶᠢᠨ ᠠᠵᠤ ᠤᠶᠢᠯᠡᠰ ᠤᠨ ᠬᠦᠭᠵᠢᠯᠳᠠ ᠶᠢᠨ ᠵᠠᠮ ᠢᠶᠠᠷ ᠵᠠᠮᠨᠠᠨ᠎ᠠ᠃ | ︵ᠬᠤᠶᠠᠷ︶ ᠭᠥᠮᠥᠨ ᠢᠶᠠᠷ ᠲᠥᠪᠯᠡᠭᠦᠯᠭᠦ ᠥᠵᠡᠯᠳᠡ ᠶᠢ ᠴᠢᠩᠭᠠᠳᠬᠠᠨ᠂ ᠠᠷᠠᠳ ᠤᠨ ᠠᠮᠢᠳᠤᠷᠠᠯ | ᠰᠠᠶᠢᠵᠢᠷᠠᠭᠤᠯᠬᠤ ᠠᠵᠢᠯ ᠳᠤ ᠭᠥᠴᠥᠯᠡᠨ᠂ ᠠᠷᠠᠳ ᠤᠯᠠᠨ ᠤ ᠵᠤᠯ ᠵᠢᠷᠭᠠᠯ ᠤᠨ ᠬᠠᠨᠤᠮᠵᠢ ᠶᠢ ᠲᠡᠭᠡᠭᠰᠢᠯᠡᠭᠦᠯᠥᠨ᠎ᠡ᠃ | ᠲᠥᠮᠡᠨ ᠤ ᠭᠥᠰᠡᠯ ᠪᠤᠯ ᠲᠥᠷᠥ ᠶᠢᠨ ᠴᠢᠭᠯᠡᠯ᠃ ᠪᠢᠳᠠ ᠠᠷᠠᠳ ᠤᠨ ᠠᠮᠢᠳᠤᠷᠠᠯ ᠤᠨ ᠬᠡᠪᠴᠢᠶᠡᠨ ᠳᠤ ᠬᠢ | ᠭᠥᠴᠥᠯᠡᠴᠡ ᠪᠠᠨ ᠥᠷᠭᠦᠯᠵᠢᠯᠡᠨ ᠴᠢᠩᠭᠠᠳᠬᠠᠵᠤ᠂ ᠲᠤᠮᠤ ᠤᠴᠢᠷ ᠪᠤᠳᠠᠳᠤ ᠤᠴᠢᠷ ᠪᠥᠳᠥᠭᠡᠨ᠂ ︽ᠵᠢᠷᠭᠤᠭᠠᠨ | ᠲᠠᠪᠬᠤᠷ ᠲᠤᠤᠷ︾ ᠢ ᠥᠷᠭᠦᠯᠵᠢᠯᠡᠨ ᠴᠢᠩᠭᠠᠳᠬᠠᠵᠤ᠂ ᠠᠷᠠᠳ ᠤᠯᠠᠨ ᠤ ᠠᠮᠢᠳᠤᠷᠠᠯ ᠢ ᠨᠡᠩ ᠡᠯᠪᠡᠭ ᠲᠡᠯᠪᠡᠭ᠂ | ᠨᠡᠩ ᠡᠩᠭᠡ ᠵᠢᠷᠭᠠᠯ ᠲᠠᠢ ᠪᠤᠯᠭᠠᠨ᠎ᠠ᠃ ︽ᠶᠠᠳᠠᠭᠤ ᠶᠢ ᠲᠡᠳᠭᠦᠨ ᠪᠠᠳᠤᠯᠠᠭ᠎ᠠ ᠬᠢᠭᠦ ᠲᠤᠤᠷ︾ ᠢ ᠴᠢᠩᠭᠠᠳᠬᠠᠨ᠂ | ᠶᠠᠳᠠᠭᠤ ᠶᠢ ᠲᠡᠳᠭᠦᠭᠦ ᠭᠥᠴᠥᠯᠡᠴᠡ ᠪᠠ ᠠᠷᠭ᠎ᠠ ᠭᠡᠯᠪᠡᠷᠢ ᠶᠢ ᠥᠷᠭᠦᠯᠵᠢᠯᠡᠭᠦᠯᠥᠨ ᠠᠳᠬᠤᠵᠤ᠂ ᠤᠷᠤᠭᠤᠯᠤᠯᠳᠠ | ᠪᠠᠨ ᠬᠤᠷᠤᠭᠳᠠᠭᠤᠯᠤᠯ ᠥᠭᠡᠢ ᠪᠠᠷ ︽ᠵᠢᠷᠭᠤᠭᠠᠨ ᠨᠠᠷᠢᠯᠢᠭ ᠤᠨᠤᠪᠴᠢᠳᠠᠢ︾ ᠂ ︽ᠳᠠᠪᠤᠨ ᠪᠦᠯᠦᠭ ᠬᠤᠪᠢᠶᠠᠬᠤ︾ | ᠪᠠ ︽ᠭᠤᠷᠪᠠ ᠶᠢ ᠭᠠᠴᠠᠭ᠎ᠠ ᠲᠤᠰᠬᠤᠨ ᠠᠶᠢᠯ ᠡᠷᠥᠭᠡ ᠳᠤ ᠭᠥᠷᠭᠡᠭᠦ︾ ᠱᠠᠭᠠᠷᠳᠠᠯᠭ᠎ᠠ ᠶᠢ ᠦᠷᠬᠦᠯᠵᠢᠯᠡᠨ | ᠨᠠᠶᠢᠳᠠᠪᠤᠷᠢᠳᠠᠢ ᠤᠷᠤᠨᠵᠢᠭᠤᠯᠤᠨ᠂ ᠶᠠᠳᠠᠭᠤ ᠠᠴᠠ ᠠᠩᠬᠢᠵᠢᠷᠠᠭᠰᠠᠳ ᠢ ᠮᠦᠷᠳᠠᠨ ᠰᠤᠷᠪᠤᠯᠵᠢᠯᠠᠵᠤ ︽ᠲᠡᠩᠭᠡᠷᠡᠯ ᠤᠨ | ᠲᠥᠷᠥᠭᠡᠨ︾ ᠲᠡᠭᠡᠷ᠎ᠡ ᠬᠢᠰᠬᠢᠭᠦᠯᠥᠭᠡᠳ᠂ ᠪᠠᠶᠠᠵᠢᠯ ᠤᠨ ᠢᠳᠡᠭᠡᠯ ᠤᠯᠭᠤᠨ᠎ᠠ᠃ ᠰᠢᠨ᠎ᠠ ᠪᠠᠷ ᠪᠤᠢ ᠪᠤᠯᠤᠭᠰᠡᠨ 47 | ᠡᠷᠤᠬᠡ ᠶᠢᠨ 140 ᠬᠤᠳᠠ ᠶᠢᠨ ᠳᠡᠰ ᠤᠨ ᠳᠤᠤᠷ᠎ᠠ ᠪᠠᠳᠤᠯᠠᠭᠠᠳᠤ ᠮᠠᠯᠴᠢᠠ ᠳᠠᠷᠢᠶᠠᠴᠢᠤᠨ ᠲᠤ ᠠᠶᠢᠯ ᠪᠦᠷᠢ ᠶᠢᠨ | ᠬᠦᠮᠤᠨ ᠪᠤᠯᠭᠠᠨ ᠳᠤ ᠨᠢ ᠳᠤᠬᠢᠷᠠᠭᠤᠯᠤᠨ ᠳᠡᠤᠨᠬᠦᠬᠦ ᠲᠦᠯᠤᠪᠯᠡᠭᠡ ᠳᠤᠭᠳᠠᠭᠠᠵᠤ᠂ ᠳᠤᠰ ᠵᠢᠯ ᠳᠤ ᠬᠦᠴᠢᠷᠳᠠᠯ ᠲᠠᠢ | ᠤᠯᠠᠨ ᠲᠦᠮᠡᠨ ᠤ ᠬᠦᠮᠤᠨ ᠳᠤᠳᠤᠮ ᠤᠨ ᠤᠷᠤᠯᠭ᠎ᠠ ᠶᠢ 2015 ᠤᠨ ᠤ ᠰᠠᠭᠤᠷᠢᠨ ᠳᠡᠬᠡᠷ᠎ᠠ ᠨᠢᠬᠡ | ᠳᠠᠬᠢᠨᠳᠠᠭᠤᠯᠤᠨᠠ᠃ ᠡᠬᠦᠨ ᠤ ᠬᠠᠮᠳᠤ ᠬᠤᠳᠠ ᠪᠠᠯᠭᠠᠰᠤᠨ ᠤ ᠶᠠᠳᠠᠭᠤ ᠬᠦᠴᠢᠷᠳᠠᠯᠳᠠᠢ ᠰᠠᠭᠤᠭᠠᠯᠢ ᠠᠷᠠᠤᠨ ᠤᠨ | ᠶᠠᠳᠠᠭᠤ ᠶᠢ ᠳᠡᠤᠨᠬᠦᠬᠦ ᠠᠵᠢᠯ ᠢ ᠰᠠᠶᠢᠳᠤᠷ ᠬᠢᠵᠤ᠂ ᠬᠤᠳᠠ ᠬᠦᠳᠡᠭᠡ ᠢ ᠢᠵᠢ ᠴᠤᠭᠴᠠᠵᠢᠭᠤᠯᠤᠭᠰᠡᠨ ᠶᠠᠳᠠᠭᠤ ᠶᠢ | ᠳᠡᠤᠨᠬᠦᠬᠦ ᠪᠠᠳᠤᠯᠠᠭ᠎ᠠ ᠶᠢᠨ ᠳᠤᠭᠳᠠᠴᠠ ᠶᠢ ᠪᠦᠷᠢᠯᠳᠤᠬᠦᠯᠤᠨ᠎ᠠ᠃ ︽ᠥᠢᠯᠡᠰ ᠪᠥᠳᠥᠭᠡᠨ ᠠᠵᠢᠯ ᠤᠯᠭᠤᠭᠤᠯᠬᠤ | ᠥᠢᠯᠡᠴᠢᠯᠡᠭᠡ ᠶᠢᠨ ᠲᠤᠤᠷ︾ ᠢ ᠪᠠᠬᠢᠵᠢᠭᠦᠯᠥᠨ᠂ ︽ᠥᠢᠯᠡᠰ ᠪᠥᠳᠥᠭᠡᠯᠳᠠ ᠶᠢᠨ ᠤᠳᠤᠭ ᠤᠨ ᠡᠮᠥᠨᠡᠳᠥ ᠬᠤᠰᠢᠭᠤ︾ | ᠶᠢᠨ ᠠᠵᠢᠯᠯᠠᠭ᠎ᠠ ᠶᠢ ᠭᠥᠨᠵᠡᠭᠡᠢ ᠭᠡᠷᠡᠭᠵᠢᠭᠦᠯᠵᠥ᠂ ᠥᠢᠯᠡᠰ ᠪᠥᠳᠥᠭᠡᠭᠦ ᠶᠢᠨ ᠪᠤᠯᠪᠠᠰᠤᠷᠠᠯ᠂ ᠵᠢᠯᠤᠭᠤᠳᠤᠯᠭ᠎ᠠ᠂ | ᠪᠥᠷᠢᠳᠭᠡᠯ ᠪᠤᠯᠤᠨ ᠪᠠᠭ᠎ᠠ ᠲᠤᠭᠠᠳᠤ ᠵᠢᠭᠡᠯᠡᠯᠭᠡ ᠲᠠᠯᠪᠢᠬᠤ ᠵᠡᠷᠭᠡ ᠶᠢ ︽ᠢᠵᠢ ᠬᠡᠯᠬᠢᠶᠡᠵᠢᠭᠦᠯᠥᠨ ᠥᠢᠯᠡᠴᠢᠯᠡᠭᠦ | ᠲᠤᠭᠳᠠᠴᠠ︾ ᠲᠤᠭᠳᠠᠭᠠᠨ ᠭᠡᠷᠡᠭᠵᠢᠭᠦᠯᠵᠥ᠂ ᠪᠥᠭᠦ ᠵᠢᠯ ᠳᠤ ᠬᠤᠳᠠ ᠬᠥᠳᠡᠭᠡ ᠶᠢᠨ ᠭᠥᠳᠡᠯᠮᠥᠷᠢ ᠭᠥᠴᠥᠨ | 1600 ᠭᠥᠮᠥᠨ ᠢ ᠪᠤᠯᠪᠠᠰᠤᠷᠠᠯ ᠳᠤ ᠤᠷᠤᠯᠴᠠᠭᠤᠯᠵᠤ᠂ 2000 ᠲᠥᠮᠡᠨ ᠲᠥᠭᠦᠷᠢᠭ ᠤᠨ ᠪᠠᠭ᠎ᠠ ᠲᠤᠭᠠᠳᠤ | ᠵᠢᠭᠡᠯᠡᠯᠭᠡ ᠲᠠᠯᠪᠢᠨ᠂ ᠠᠵᠢᠯ ᠲᠠᠢ ᠭᠥᠮᠥᠨ ᠥᠭᠡᠢ ᠠᠶᠢᠯ ᠡᠷᠥᠭᠡ ᠢ ᠥᠨᠳᠥᠰᠥᠨ ᠳᠤ ᠪᠠᠨ ᠥᠭᠡᠢ ᠪᠤᠯᠭᠠᠨ᠎ᠠ᠃ | ᠤᠯᠵᠠᠴᠢ ᠶᠢᠨ ᠮᠠᠯᠴᠢᠨ ᠲᠠᠷᠢᠶᠠᠴᠢᠳ ᠤᠨ ᠥᠢᠯᠡᠰ ᠪᠤᠰᠬᠠᠬᠤ ᠭᠥᠷᠢᠶᠡᠯᠡᠩ ᠢᠶᠠᠷ ᠰᠠᠭᠤᠷᠢᠯᠠᠭᠤᠯᠤᠨ᠂ ᠮᠠᠯᠵᠢᠬᠤ | ᠲᠠᠷᠢᠶᠠᠯᠠᠬᠤ ᠤᠷᠤᠨ ᠤ ᠵᠠᠯᠠᠭᠤᠴᠤᠳ ᠤᠨ ᠠᠳᠠᠯ ᠥᠢᠯᠡᠰ ᠪᠤᠰᠬᠠᠵᠤ ᠪᠠᠶᠠᠵᠢᠨ ᠴᠢᠨᠡᠭᠡᠯᠢᠭᠵᠢᠭᠦ ᠠᠵᠢᠯ ᠢ | ᠠᠬᠢᠭᠤᠯᠵᠤ᠂ ᠬᠤᠰᠢᠭᠤᠨ ᠳᠤ ᠰᠠᠭᠤᠷᠢᠰᠢᠭ᠎ᠠ ᠡᠯ᠎ᠡ ᠠᠵᠤ ᠠᠬᠤᠶᠢᠯᠠᠯ ᠤᠳ ᠲᠠᠢ ᠬᠤᠯᠪᠤᠭᠠᠯᠠᠨ ᠲᠤᠭᠳᠠᠮᠠᠯ | ᠴᠢᠭᠯᠡᠯᠳᠤ ᠡᠯᠰᠡᠯᠳᠡ ᠪᠤᠯᠪᠠᠰᠤᠷᠠᠯ ᠤᠨ ᠲᠤᠭᠳᠠᠴᠠ ᠲᠤᠭᠳᠠᠭᠠᠨ᠂ ᠰᠤᠷᠤᠯᠭ᠎ᠠ ᠲᠡᠭᠦᠰᠥᠭᠰᠡᠨ ᠤᠶᠤᠳᠠᠳ ᠲᠤ ᠪᠠᠨ | ᠠᠵᠢᠯ ᠤᠨ ᠪᠠᠶᠢᠷᠢ ᠤᠯᠭᠤᠨ᠎ᠠ᠃ ᠪᠥᠭᠦ ᠵᠢᠯ ᠳᠤ ᠬᠤᠳᠠ ᠪᠠᠯᠭᠠᠰᠤᠨ ᠤ 950 ᠰᠠᠭᠤᠭᠠᠯᠢ ᠠᠷᠠᠳ ᠲᠤ ᠠᠵᠢᠯ | ᠤᠯᠭᠤᠨ᠂ ᠬᠤᠳᠠ ᠪᠠᠯᠭᠠᠰᠤᠨ ᠤ ᠠᠵᠢᠯ ᠠᠯᠳᠠᠯᠳᠠ ᠶᠢᠨ ᠳᠠᠩᠰᠠᠯᠠᠯᠳᠠ ᠶᠢᠨ ᠨᠤᠷᠮ᠎ᠠ ᠶᠢ 3% ᠲᠤᠳᠤᠷ᠎ᠠ | ᠬᠢᠵᠠᠭᠠᠷᠯᠠᠨ᠎ᠠ᠃ ︽ᠨᠡᠶᠢᠭᠡᠮ ᠤᠨ ᠪᠠᠳᠤᠯᠠᠭ᠎ᠠ ᠨᠠᠭᠠᠳᠤ ᠵᠠᠬ᠎ᠠ ᠶᠢ ᠪᠠᠳᠤᠯᠠᠬᠤ ᠲᠤᠤᠷ︾ ᠢ ᠪᠠᠬᠢᠵᠢᠭᠦᠯᠥᠨ᠂ | ᠤᠷᠤᠯᠭ᠎ᠠ ᠶᠢᠨ ᠬᠤᠪᠢᠶᠠᠷᠢᠯᠠᠯᠳᠠ ᠶᠢᠨ ᠲᠤᠭᠳᠠᠴᠠ ᠶᠢᠨ ᠥᠭᠡᠷᠡᠴᠢᠯᠡᠯᠳᠡ ᠶᠢ ᠭᠥᠨᠵᠡᠭᠡᠶᠢᠷᠡᠭᠦᠯᠵᠥ᠂ ᠠᠯᠪᠠᠨ | ᠪᠠᠶᠢᠭᠤᠯᠭ᠎ᠠ ᠠᠵᠢᠯ ᠥᠢᠯᠡᠰ ᠤᠨ ᠨᠢᠭᠡᠴᠡ ᠶᠢᠨ ᠥᠨᠳᠥᠰᠥᠨ ᠴᠠᠯᠢᠩ ᠤᠨ ᠬᠡᠪ ᠤᠨ ᠥᠰᠥᠯᠳᠡ ᠶᠢ ᠪᠠᠳᠤᠯᠠᠬᠤ | ᠲᠤᠭᠳᠠᠴᠠ ᠲᠤᠭᠳᠠᠭᠠᠨ᠂ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠮᠠᠯᠴᠢᠨ ᠲᠠᠷᠢᠶᠠᠴᠢᠳ ᠤᠨ ᠡᠵᠡᠩᠨᠡᠯᠳᠡ᠂ ᠴᠠᠯᠢᠩ ᠪᠠ ᠭᠥᠷᠥᠩᠭᠡ ᠶᠢᠨ ᠴᠢᠨᠠᠷᠳᠤ ᠤᠷᠤᠯᠭ᠎ᠠ ᠶᠢ ᠤᠯᠠᠨ ᠴᠢᠳᠠᠪᠬᠢ | ᠪᠠᠷ ᠲᠡᠭᠡᠭᠰᠢᠯᠡᠭᠦᠯᠥᠨ᠎ᠡ᠃ ᠪᠥᠭᠦ ᠠᠷᠠᠳ ᠢᠶᠠᠷ ᠲᠠᠭᠠᠳᠬᠠᠯ ᠠᠪᠬᠤ ᠲᠥᠯᠥᠪᠯᠡᠭᠡ ᠭᠡᠷᠡᠭᠵᠢᠭᠦᠯᠥᠨ᠂ ᠨᠡᠶᠢᠭᠡᠮ ᠤᠨ | ᠲᠠᠭᠠᠳᠬᠠᠯ ᠤᠨ ᠬᠠᠮᠤᠷᠬᠤ ᠭᠡᠪᠴᠢᠶ᠎ᠡ ᠶᠢ ᠤᠯᠠᠮ ᠥᠷᠭᠡᠳᠭᠡᠨ᠎ᠡ᠃ ᠬᠤᠳᠠ ᠬᠥᠳᠡᠭᠡ ᠶᠢᠨ ᠨᠢᠭᠡᠳᠥᠯᠳᠡᠢ | ᠥᠨᠳᠥᠰᠥᠨ ᠡᠮ ᠡᠮᠨᠡᠯᠭᠡ ᠶᠢᠨ ᠲᠠᠭᠠᠳᠬᠠᠯ ᠤᠨ ᠲᠥᠷᠢᠮ ᠢ ᠲᠡᠭᠦᠯᠳᠡᠷᠵᠢᠭᠦᠯᠵᠥ᠂ ᠡᠮ ᠡᠮᠨᠡᠯᠭᠡ ᠶᠢᠨ ᠲᠠᠭᠠᠳᠬᠠᠯ | ᠤᠨ ᠤᠯᠭᠤᠮᠵᠢ ᠪᠤᠯᠤᠨ ᠪᠠᠳᠤᠯᠠᠬᠤ ᠬᠥᠷᠢᠶ᠎ᠡ ᠬᠡᠪᠴᠢᠶ᠎ᠡ ᠶᠢ ᠥᠷᠭᠡᠳᠭᠡᠨ᠎ᠡ᠃ ᠨᠡᠶᠢᠭᠡᠮ ᠤᠨ ᠠᠪᠤᠷᠠᠨ ᠲᠤᠰᠠᠯᠠᠯᠳᠠ | ᠶᠢᠨ ᠪᠠᠷᠢᠮᠵᠢᠶ᠎ᠠ ᠶᠢ ᠪᠠᠷᠠᠭᠠᠨ ᠤ ᠬᠠᠩᠰᠢ ᠲᠠᠢ ᠤᠶᠠᠯᠳᠤᠭᠤᠯᠤᠭᠰᠠᠨ ᠲᠤᠭᠳᠠᠴᠠ ᠲᠤᠭᠳᠠᠭᠠᠨ᠂ ᠠᠵᠤ ᠠᠬᠤᠶᠢᠯᠠᠯ | ᠤᠨ ᠠᠵᠢᠯ ᠤᠨ ᠠᠮᠠᠷᠠᠯᠳᠠ ᠪᠠᠨ ᠠᠪᠤᠭᠰᠠᠳ ᠤᠨ ᠥᠨᠳᠥᠰᠥᠨ ᠨᠠᠰᠤᠵᠢᠯ ᠤᠨ ᠲᠡᠳᠭᠦᠯᠭᠡ ᠮᠥᠩᠭᠦ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠡᠮ ᠡᠮᠴᠢᠯᠡᠭᠡ ᠶᠢᠨ | ᠲᠠᠭᠠᠳᠬᠠᠯ ᠤᠨ ᠬᠤᠷᠠᠮᠳᠤᠭᠤᠯᠤᠯ ᠮᠥᠩᠭᠦ ᠪᠠ ᠨᠠᠰᠤᠵᠢᠯ ᠤᠨ ᠤᠯᠭᠤᠮᠵᠢ ᠶᠢᠨ ᠪᠠᠷᠢᠮᠵᠢᠶ᠎ᠠ ᠶᠢ ᠤᠯᠠᠮ | ᠲᠡᠭᠡᠭᠰᠢᠯᠡᠭᠦᠯᠥᠨ᠎ᠡ᠃ ︽ᠰᠤᠷᠭᠠᠨ ᠭᠥᠮᠥᠵᠢᠯ ᠢᠶᠠᠷ ᠠᠷᠠᠳ ᠢ ᠬᠠᠷᠠᠭᠠᠯᠵᠠᠬᠤ ᠲᠤᠤᠷ︾ ᠢ ᠪᠠᠬᠢᠵᠢᠭᠦᠯᠥᠨ᠂ | ᠰᠤᠷᠭᠠᠨ ᠭᠥᠮᠥᠵᠢᠯ ᠢ ᠲᠡᠷᠢᠭᠦᠨ ᠳᠤ ᠨᠢ ᠭᠥᠭᠵᠢᠭᠦᠯᠭᠦ ᠪᠠ ᠲᠡᠩᠴᠡᠭᠦᠷᠢᠰᠢᠭᠦᠯᠥᠨ ᠭᠥᠭᠵᠢᠭᠦᠯᠭᠦ ᠶᠢ ᠪᠠᠷᠢᠮᠳᠠᠯᠠᠨ᠂ | ︽ᠰᠤᠷᠭᠠᠨ ᠭᠥᠮᠥᠵᠢᠯ ᠤᠨ ᠥᠢᠯᠡᠰ ᠤᠨ ᠭᠥᠭᠵᠢᠯᠳᠡ ᠶᠢ ᠲᠥᠷᠭᠡᠳᠭᠡᠭᠦ ᠰᠠᠨᠠᠯ︾ ᠢ ᠲᠤᠭᠳᠠᠭᠠᠨ ᠭᠡᠷᠡᠭᠵᠢᠭᠦᠯᠵᠥ᠂ | ᠨᠡᠷᠡᠳᠥ ᠵᠠᠬᠢᠷᠤᠯ ᠰᠢᠯᠢᠳᠡᠭ ᠪᠠᠭᠰᠢ ᠤᠷᠢᠬᠤ ᠭᠥᠴᠥᠯᠡᠴᠡ ᠪᠠᠨ ᠴᠢᠩᠭᠠᠳᠬᠠᠨ᠂ ᠢᠮᠠᠭᠠᠯᠠᠢ ᠶᠢᠨ ᠭᠡᠥᠭᠡᠳ ᠤᠨ | ᠴᠡᠴᠡᠷᠯᠢᠭ ᠪᠤᠯᠤᠨ ᠮᠠᠯᠠᠳ ᠤᠨ ᠥᠨᠳᠥᠰᠥᠳᠡᠨ ᠤ ᠭᠡᠥᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠡᠯ᠎ᠡ | ᠪᠠᠭ᠎ᠠ ᠰᠤᠷᠭᠠᠭᠤᠯᠢ ᠪᠤᠯᠤᠨ ᠭᠡᠥᠭᠡᠳ ᠤᠨ ᠴᠡᠴᠡᠷᠯᠢᠭ ᠤᠳ ᠤᠨ ᠲᠤᠨᠤᠭ ᠲᠥᠭᠦᠭᠡᠷᠤᠮᠵᠢ ᠶᠢ ᠰᠠᠶᠢᠵᠢᠷᠠᠭᠤᠯᠤᠨ᠂ | ᠰᠤᠷᠭᠠᠨ ᠬᠥᠮᠥᠵᠢᠯ ᠤᠨ ᠬᠠᠳᠠᠭᠤ ᠲᠤᠨᠤᠭᠯᠠᠯ ᠪᠤᠯᠤᠨ ᠵᠢᠭᠠᠨ ᠰᠤᠷᠭᠠᠯᠳᠠ ᠶᠢᠨ ᠬᠢᠷᠢ ᠲᠥᠪᠰᠢᠨ ᠢ ᠪᠥᠭᠦ ᠲᠠᠯ᠎ᠠ | ᠪᠠᠷ ᠲᠡᠭᠡᠭᠰᠢᠯᠡᠭᠦᠯᠥᠨ᠎ᠡ᠃ ︽ᠡᠷᠡᠭᠦᠯ ᠬᠠᠮᠠᠭᠠᠯᠠᠯ ᠡᠩᠭᠡ ᠮᠡᠨᠳᠥ ᠶᠢᠨ ᠲᠤᠤᠷ︾ ᠢ ᠪᠠᠬᠢᠵᠢᠭᠦᠯᠥᠨ᠂ ᠡᠮ ᠡᠮᠨᠡᠯᠬᠡ | ᠡᠷᠡᠬᠦᠯ ᠬᠠᠮᠠᠭᠠᠯᠠᠯ ᠤᠨ ᠳᠤᠭᠳᠠᠴᠠ ᠶᠢᠨ ᠥᠭᠡᠷᠡᠴᠢᠯᠡᠯᠳᠡ ᠶᠢ ᠥᠷᠭᠦᠯᠵᠢᠯᠡᠨ ᠭᠥᠨᠵᠡᠭᠡᠶᠢᠷᠡᠭᠦᠯᠵᠥ᠂ ᠮᠤᠩᠭᠤᠯ | ᠬᠢᠳᠠᠤᠨ ᠡᠮ ᠡᠮᠨᠡᠯᠬᠡ ᠶᠢᠨ ᠬᠦᠭᠵᠢᠯᠳᠠ ᠶᠢᠨ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠵᠤ᠂ ᠮᠤᠩᠭᠤᠯ ᠡᠮᠴᠢ | ᠨᠠᠷ ᠤᠨ ᠱᠠᠪᠢ ᠲᠠᠭᠠᠭᠤᠯᠬᠤ ᠲᠤᠷᠰᠢᠯᠳᠠ ᠶᠢᠨ ᠴᠡᠭ ᠢ 10 ᠲᠤᠭᠳᠠᠭᠠᠵᠤ᠂ ᠮᠤᠩᠭᠤᠯ ᠡᠮ ᠡᠮᠨᠡᠯᠭᠡ ᠶᠢᠨ ᠳᠠᠩᠬᠢᠮ | ᠢ 6 ᠪᠠᠶᠢᠭᠤᠯᠤᠨ᠂ ᠢᠮᠠᠭᠠᠯᠠᠢ᠂ ᠵᠤᠤᠬ᠎ᠠ᠂ ᠮᠤᠭᠠᠶᠢᠳᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ | ᠪᠠᠶᠢᠭᠤᠯᠤᠨ᠎ᠠ᠃ 25 ᠨᠠᠰᠤ ᠭᠡᠳᠥᠷᠡᠭᠰᠡᠳ ᠢ ᠵᠠᠷᠤᠳᠠᠯ ᠬᠤᠷᠢᠶᠠᠬᠤ ᠥᠭᠡᠢ ᠪᠠᠷ ᠪᠡᠶ᠎ᠡ ᠶᠢᠨ ᠪᠠᠶᠢᠴᠠᠭᠠᠯᠳᠠ ᠬᠢᠭᠦ | ᠠᠵᠢᠯᠯᠠᠭ᠎ᠠ ᠥᠷᠨᠢᠭᠦᠯᠵᠥ᠂ ᠨᠢᠭᠡᠳᠥᠯᠳᠡᠢ ᠪᠠᠷ ᠡᠷᠡᠭᠦᠯ ᠮᠡᠨᠳᠥ ᠶᠢᠨ ᠲᠠᠩᠰᠠ ᠭᠥᠮᠥᠷᠭᠡ ᠪᠠᠶᠢᠭᠤᠯᠤᠨ᠎ᠠ᠃ ᠢᠨᠲ᠋ᠧᠷ | ᠰᠦᠯᠵᠢᠶ᠎ᠡ ᠪᠤᠯᠤᠨ ᠡᠷᠡᠬᠦᠯ ᠮᠠᠨᠳᠤ ᠶᠢᠨ ᠤᠶᠢᠯᠡᠰ ᠢ ᠠᠭᠤᠰᠤᠯᠴᠠᠭᠤᠯᠵᠤ᠂ ᠠᠯᠤᠰ ᠡᠵᠡᠮᠰᠢᠯ ᠢᠶᠠᠷ ᠤᠶᠢᠯᠡᠴᠢᠯᠡᠬᠦ | ᠤᠶᠢᠯᠡᠴᠢᠯᠡᠭᠡ ᠶᠢ ᠮᠠᠯᠵᠢᠬᠤ ᠳᠠᠷᠢᠶᠠᠯᠠᠬᠤ ᠤᠷᠤᠨ ᠳᠤ ᠤᠷᠤᠭᠤᠯᠵᠤ᠂ ᠡᠮᠨᠡᠯᠬᠡ ᠶᠢᠨ ᠠᠵᠢᠯᠳᠠᠨ ᠪᠤᠯᠤᠨ ᠠᠷᠠᠤᠨ | ᠤᠯᠠᠨ ᠤ ᠰᠦᠯᠵᠢᠶ᠎ᠡ ᠪᠠᠷ ᠬᠠᠷᠢᠯᠴᠠᠬᠤ ᠳᠠᠪᠴᠠᠩ ᠪᠠᠶᠢᠭᠤᠯᠤᠨ᠂ ᠠᠯᠤᠰ ᠠᠴᠠ ᠬᠠᠮᠳᠤᠷᠠᠨ ᠤᠨᠤᠰᠢᠯᠠᠬᠤ ᠶᠢ ᠬᠡᠪ | ᠤᠨ ᠪᠠᠶᠢᠳᠠᠯ ᠪᠤᠯᠭᠠᠵᠤ᠂ ᠤᠷᠢᠤᠨᠴᠢᠯᠠᠨ ᠳ᠋ᠤᠭᠠᠷ ᠠᠪᠬᠤ ᠶᠢ ᠴᠢᠮᠡᠭᠡ ᠵᠠᠩᠬᠢᠴᠢᠯᠠᠯᠳᠠ ᠪᠠᠷ ᠪᠡᠶᠡᠯᠡᠬᠦᠯᠬᠦ ᠪᠤᠯᠭᠠᠨ᠎ᠠ᠃ | ᠭᠥᠩᠭᠡᠵᠢᠭᠦ ᠨᠠᠰᠤᠨ ᠤ ᠡᠮᠡᠭᠳᠡᠶᠢᠴᠥᠳ ᠲᠤ ᠥᠷᠭᠦᠯᠵᠢᠯᠡᠨ ︽ᠬᠤᠶᠠᠷ ᠥᠮᠡᠨ︾ ᠤ ᠵᠠᠷᠤᠳᠠᠯ ᠥᠯᠥ ᠬᠤᠷᠢᠶᠠᠬᠤ | ᠰᠢᠭᠰᠢᠯ ᠪᠠᠶᠢᠴᠠᠭᠠᠯᠳᠠ ᠬᠢᠨ᠂ ᠪᠠᠴᠢᠮ ᠠᠪᠤᠷᠠᠯᠳᠠ ᠶᠢᠨ ︽ᠡᠮ ᠤᠨ ᠬᠠᠶᠢᠷᠴᠠᠭ︾ ᠤᠨ ᠲᠥᠭᠡᠭᠡᠭᠦ ᠭᠥᠷᠢᠶ᠎ᠡ | ᠬᠡᠪᠴᠢᠶ᠎ᠡ ᠶᠢ ᠥᠷᠭᠡᠳᠭᠡᠵᠥ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠥᠨᠳᠥᠰᠥᠨ ᠡᠮ ᠡᠮᠨᠡᠯᠭᠡ ᠶᠢᠨ | ᠱᠠᠭᠠᠷᠳᠠᠯᠭ᠎ᠠ ᠶᠢ ᠬᠠᠩᠭᠠᠨ᠂ ᠡᠷᠡᠭᠦᠯ ᠡᠩᠭᠡ ᠤᠳᠤᠭ ᠤᠨ ᠡᠮᠥᠨᠡᠳᠥ ᠬᠤᠰᠢᠭᠤ ᠶᠢ ᠪᠠᠶᠢᠭᠤᠯᠤᠨ᠎ᠠ᠃ ︽ᠰᠤᠶᠤᠯ | ᠢᠶᠠᠷ ᠠᠷᠠᠳ ᠢ ᠪᠠᠶᠠᠰᠬᠠᠬᠤ ᠲᠤᠤᠷ︾ ᠢ ᠪᠠᠬᠢᠵᠢᠭᠦᠯᠥᠨ᠂ ᠨᠡᠶᠢᠭᠡᠮ ᠵᠢᠷᠤᠮ ᠤᠨ ᠭᠤᠤᠯᠯᠠᠭᠴᠢ ᠥᠷᠳᠡᠭ ᠤᠨ | ᠥᠵᠡᠯᠳᠡ ᠪᠠ ᠥᠨᠳᠥᠰᠥᠳᠡᠨ ᠤ ᠤᠯᠠᠮᠵᠢᠯᠠᠯᠳᠤ ᠰᠤᠶᠤᠯ ᠤᠨ ᠲᠠᠪᠠᠭᠤᠯᠢᠭ ᠢ ᠪᠠᠳᠠᠷᠠᠭᠤᠯᠤᠨ᠂ ᠨᠤᠳᠤᠭ ᠰᠤᠶᠤᠯ | ᠵᠠᠩ ᠥᠢᠯᠡ ᠶᠢ ᠬᠠᠷᠠᠭᠤᠯᠤᠨ᠂ ᠭᠥᠭᠵᠢᠯᠳᠡ ᠲᠠᠪᠰᠢᠯᠳᠠ ᠪᠠ ᠬᠤᠰᠢᠭᠤ ᠨᠤᠳᠤᠭ ᠢᠶᠠᠷ ᠢᠶᠠᠨ ᠪᠠᠭ᠋ᠠᠳᠤᠭᠰᠠᠨ | ᠰᠤᠳᠤᠨ ᠪᠥᠳᠥᠭᠡᠯ ᠤᠳ ᠢ ᠭᠠᠷᠭᠠᠨ᠎ᠠ᠃ ᠰᠤᠶᠤᠯ ᠢᠶᠠᠷ ᠠᠷᠠᠳ ᠢ ᠬᠠᠷᠠᠭᠠᠯᠵᠠᠬᠤ ᠠᠵᠢᠯ ᠢ ᠭᠥᠨᠵᠡᠭᠡᠢ ᠥᠷᠨᠢᠭᠦᠯᠵᠥ | ᠂ ︽ᠰᠤᠩᠭᠤᠯᠳᠠ ᠲᠠᠢ᠂ ᠪᠤᠯᠵᠤᠯ ᠲᠠᠢ︾ ᠥᠢᠯᠡᠴᠢᠯᠡᠭᠡᠨ ᠤ ᠲᠤᠭᠳᠠᠴᠠ ᠶᠢ ᠡᠷᠢᠯᠬᠢᠯᠡᠨ᠂ ᠪᠥᠭᠦ ᠵᠢᠯ ᠳᠤ | ᠭᠠᠴᠠᠭ᠎ᠠ ᠲᠤᠰᠬᠤᠨ ᠤᠳ ᠢᠶᠠᠷ 300 ᠢᠯᠡᠭᠦᠥ ᠤᠳᠠᠭᠠᠨ ᠤ ᠺᠢᠨᠣ᠋ ᠹᠢᠯᠢᠮ ᠨᠡᠪᠳᠡᠷᠡᠭᠦᠯᠥᠨ᠎ᠡ᠃ ᠠᠷᠠᠳ ᠤᠨ | ᠲᠤᠮᠳᠠᠬᠢ ᠬᠤᠨᠵᠢᠪᠤᠷᠢᠳᠤ ᠡᠵᠡᠩᠨᠡᠯᠳᠡ ᠶᠢᠨ ᠪᠤᠰᠤ ᠰᠤᠶᠤᠯ ᠤᠷᠠᠯᠢᠭ ᠤᠨ ᠪᠥᠯᠭᠦᠮ ᠤᠳ ᠢ ᠲᠡᠮᠵᠢᠨ | ᠵᠤᠷᠢᠭᠵᠢᠭᠤᠯᠬᠤ ᠪᠠᠨ ᠴᠢᠩᠭᠠᠳᠬᠠᠨ᠂ ᠠᠷᠠᠳ ᠤᠨ ᠲᠤᠮᠳᠠᠬᠢ ᠰᠤᠶᠤᠯ ᠤᠷᠠᠯᠢᠭ ᠤᠨ ᠭᠥᠭᠵᠢᠯᠳᠡ ᠶᠢ | ᠠᠬᠢᠭᠤᠯᠤᠨ᠎ᠠ᠃ ᠪᠥᠭᠦ ᠠᠷᠠᠳ ᠤᠨ ᠪᠡᠶ᠎ᠡ ᠴᠢᠬᠢᠷᠠᠭᠵᠢᠯ ᠤᠨ ᠥᠢᠯᠡᠰ ᠢ ᠭᠥᠴᠥᠯᠡᠨ ᠰᠠᠶᠢᠵᠢᠷᠠᠭᠤᠯᠵᠤ᠂ ᠪᠥᠷᠢᠨ | ᠲᠥᠭᠦᠷ ᠲᠠᠮᠢᠷ ᠤᠨ ᠭᠡᠷᠡᠭᠰᠡᠯ ᠲᠤᠨᠤᠭᠯᠠᠯ ᠢ ᠠᠰᠢᠭᠯᠠᠨ ᠥᠷᠭᠦᠯᠵᠢ ᠶᠢᠨ ᠴᠢᠨᠠᠷᠳᠠᠢ ᠪᠠᠷ ᠡᠯ᠎ᠡ ᠵᠥᠢᠯ ᠤᠨ ᠲᠠᠮᠢᠷ | ᠤᠨ ᠭᠥᠳᠡᠯᠭᠡᠭᠡᠨ ᠢ ᠵᠤᠬᠢᠶᠠᠨ ᠪᠠᠶᠢᠭᠤᠯᠤᠨ᠂ ᠺᠠᠳ᠋ᠷ ᠤᠯᠠᠨ ᠲᠥᠮᠡᠨ ᠤ ᠪᠡᠶ᠎ᠡ ᠮᠠᠬᠠᠨᠪᠤᠳ ᠤᠨ ᠡᠷᠡᠭᠦᠯ ᠴᠢᠬᠢᠷᠠᠭ ᠤᠨ | ᠲᠥᠪᠰᠢᠨ ᠢ ᠥᠨᠡᠨ ᠬᠦ ᠲᠡᠭᠡᠭᠰᠢᠯᠡᠭᠦᠯᠥᠨ᠎ᠡ᠃ | ︵ᠭᠤᠷᠪᠠ︶ ᠪᠥᠳᠥᠴᠡ ᠶᠢᠨ ᠲᠤᠬᠢᠷᠠᠭᠤᠯᠤᠯᠳᠠ ᠶᠢ ᠭᠥᠨᠵᠡᠭᠡᠶᠢᠷᠡᠭᠦᠯᠥᠨ᠂ ᠮᠠᠯ ᠲᠠᠷᠢᠶᠠᠯᠠᠩ ᠮᠠᠯᠴᠢᠨ | ᠲᠠᠷᠢᠶᠠᠴᠢᠨ ᠮᠠᠯᠵᠢᠬᠤ ᠲᠠᠷᠢᠶᠠᠯᠠᠬᠤ ᠤᠷᠤᠨ ᠤ ᠬᠡᠪ ᠴᠢᠨᠰᠠᠭ᠎ᠠ ᠶᠢ ᠤᠯᠠᠮ ᠰᠢᠯᠢᠳᠡᠭᠵᠢᠭᠦᠯᠥᠨ᠂ ᠮᠠᠯ ᠲᠠᠷᠢᠶᠠᠯᠠᠩ | ᠤᠨ ᠥᠢᠯᠡᠰ ᠤᠨ ᠠᠮᠢᠵᠢᠷᠠᠯ ᠤᠨ ᠭᠥᠴᠥᠨ ᠢ ᠭᠥᠭᠵᠢᠭᠡᠨ᠎ᠡ᠃ ᠠᠵᠤ ᠥᠢᠯᠡᠳᠪᠥᠷᠢᠵᠢᠭᠦᠯᠥᠯᠳᠡ ᠶᠢᠨ ᠥᠵᠡᠯᠳᠡ | ᠪᠠᠷ ᠮᠠᠯ ᠲᠠᠷᠢᠶᠠᠯᠠᠩ ᠤᠨ ᠥᠢᠯᠡᠰ ᠢ ᠭᠥᠭᠵᠢᠭᠦᠯᠥᠨ᠂ ᠬᠤᠳᠠᠴᠢᠯᠠᠯᠳᠠ ᠶᠢᠨ ᠰᠡᠳᠬᠢᠮᠵᠢ ᠪᠠᠷ ᠮᠠᠯᠵᠢᠬᠤ | ᠲᠠᠷᠢᠶᠠᠯᠠᠬᠤ ᠤᠷᠤᠨ ᠢ ᠪᠥᠳᠥᠭᠡᠨ ᠪᠠᠶᠢᠭᠤᠯᠵᠤ᠂ ᠰᠤᠶᠤᠯ ᠤᠯᠠᠮᠵᠢᠯᠠᠯ ᠪᠠ ᠰᠢᠨᠵᠢᠯᠡᠭᠡ ᠮᠡᠷᠭᠡᠵᠢᠯ ᠢ ᠮᠠᠯᠴᠢᠨ | ᠲᠠᠷᠢᠶᠠᠴᠢᠳ ᠲᠤ ᠴᠤᠭ ᠡᠵᠡᠮᠰᠢᠭᠦᠯᠥᠨ᠂ ᠮᠠᠯ ᠲᠠᠷᠢᠶᠠᠯᠠᠩ ᠤᠨ ᠥᠢᠯᠡᠰ ᠬᠢᠭᠡᠳ ᠮᠠᠯᠵᠢᠬᠤ ᠲᠠᠷᠢᠶᠠᠯᠠᠬᠤ ᠤᠷᠤᠨ ᠢ | ᠮᠠᠯᠴᠢᠨ ᠲᠠᠷᠢᠶᠠᠴᠢᠳ ᠤᠨ ᠴᠢᠳᠠᠪᠤᠷᠢ ᠪᠠᠨ ᠪᠠᠳᠠᠷᠠᠭᠤᠯᠤᠨ ᠪᠠᠶᠠᠵᠢᠯ ᠴᠢᠨᠡᠭᠡᠯᠢᠭᠵᠢᠯ ᠵᠥᠭ ᠤᠷᠤᠭᠰᠢᠯᠠᠬᠤ ᠲᠠᠷᠳᠠᠩ | ᠬᠠᠷᠭᠤᠢ ᠪᠤᠯᠭᠠᠵᠤ᠂ ᠲᠡᠳᠡ ᠪᠥᠭᠦᠳᠡ ᠶᠢᠨ ᠵᠢᠩᠬᠢᠨᠢ ᠥᠢᠯᠡᠰᠴᠢ ᠰᠡᠳᠬᠢᠯᠭᠡ ᠶᠢ ᠬᠥᠭᠵᠢᠭᠡᠨ᠎ᠡ᠃ᠲᠠᠰ ᠴᠢᠨᠠᠷᠳᠤ | ᠮᠠᠯ ᠲᠠᠷᠢᠶᠠᠯᠠᠩ ᠤᠨ ᠥᠢᠯᠡᠰ ᠢ ᠴᠤᠭᠴᠠᠯᠠᠨ᠎ᠠ᠃ ᠬᠠᠩᠭᠠᠯᠭ᠎ᠠ ᠶᠢᠨ ᠲᠠᠯ᠎ᠠ ᠶᠢᠨ ᠰᠢᠯᠢᠳᠡᠭᠵᠢᠭᠦᠯᠥᠯᠳᠡ | ᠲᠤᠬᠢᠷᠠᠭᠤᠯᠤᠯᠳᠠ ᠳᠤ ᠬᠠᠨᠳᠤᠭᠤᠯᠤᠨ᠂ ᠨᠡᠷᠡᠳᠤ ᠲᠡᠮᠳᠡᠭ ᠢ ᠪᠥᠳᠥᠭᠡᠭᠦ ᠪᠠ ᠴᠢᠨᠠᠷ ᠪᠥᠳᠥᠮᠵᠢ ᠶᠢ ᠲᠡᠭᠡᠭᠰᠢᠯᠡᠭᠦᠯᠭᠦ | ᠪᠠᠷ ᠭᠠᠷᠳᠠᠴᠠ ᠪᠤᠯᠭᠠᠵᠤ᠂ ᠮᠠᠯ ᠲᠠᠷᠢᠶᠠᠯᠠᠩ ᠤᠨ ᠥᠢᠯᠡᠳᠪᠥᠷᠢᠯᠡᠯ ᠢ ᠪᠠᠷᠢᠮᠵᠢᠶᠠᠴᠢᠯᠠᠵᠤ ᠬᠠᠮᠢᠶᠠᠷᠤᠯᠳᠠ ᠶᠢ ᠨᠢ | ᠨᠠᠷᠢᠯᠢᠭᠵᠢᠭᠤᠯᠤᠨ᠎ᠠ᠃ ᠮᠠᠯ ᠤᠨ ᠠᠰᠢᠭ ᠰᠢᠮ᠎ᠡ ᠪᠤᠯᠤᠨ ᠲᠠᠷᠢᠶᠠᠯᠠᠩ ᠤᠨ ᠪᠥᠳᠥᠭᠡᠭᠳᠡᠭᠦᠨ ᠤ ᠴᠢᠨᠠᠷ ᠴᠢᠨᠰᠠᠭ᠎ᠠ ᠶᠢ | ᠪᠠᠳᠤᠯᠠᠬᠤ ᠰᠢᠰᠲ᠋ᠧᠮ ᠬᠢᠭᠡᠳ ᠭᠡᠳᠡᠷᠭᠦ ᠨᠡᠭᠡᠮᠵᠢᠯᠡᠭᠦ ᠰᠢᠰᠲ᠋ᠧᠮ ᠢ ᠲᠠᠭᠦᠯᠳᠡᠷᠵᠢᠭᠦᠯᠥᠨ᠂ ᠮᠠᠯ ᠲᠠᠷᠢᠶᠠᠨ ᠤ ᠰᠢᠮᠡᠳᠤ | ᠰᠠᠶᠢᠨ ᠪᠥᠳᠥᠭᠡᠭᠳᠡᠭᠦᠨ ᠬᠠᠩᠭᠠᠬᠤ ᠴᠢᠳᠠᠪᠤᠷᠢ ᠶᠢ ᠲᠡᠭᠡᠭᠰᠢᠯᠡᠭᠦᠯᠵᠥ᠂ ᠪᠥᠭᠦ ᠵᠢᠯ ᠳᠤ ᠰᠢᠨ᠎ᠠ ᠪᠠᠷ ︽ᠭᠤᠷᠪᠠᠨ | ᠪᠦᠳᠤᠬᠡᠭᠳᠡᠬᠦᠨ ᠨᠢᠬᠡ ᠢᠯᠡᠤᠨᠬᠡᠯ ᠳᠠᠩᠰᠠᠯᠠᠯᠳᠠ︾ ᠲᠠᠢ ᠮᠠᠯ ᠳᠠᠷᠢᠶᠠᠯᠠᠩ ᠤᠨ ᠪᠦᠳᠤᠬᠡᠭᠳᠡᠬᠦᠨ ᠢ 3 ᠠᠴᠠ ᠳᠡᠬᠡᠭᠰᠢ | ᠪᠤᠶᠢᠵᠢᠭᠤᠯᠵᠤ᠂ ᠤᠷᠭᠠᠨᠢᠭ ᠪᠡᠯᠴᠢᠬᠡᠷ ᠢ 560 ᠲᠦᠮᠡᠨ ᠮᠤ᠋ ᠬᠡᠷᠡᠴᠢᠯᠡᠬᠦᠯᠤᠨ᠂ 2 ᠲᠦᠮᠡᠨ ᠠᠯᠠᠰᠢᠨ ᠮᠠᠯ ᠪᠠ | 1000 ᠠᠯᠠᠰᠢᠨ ᠦᠬᠡᠷ ᠤᠨ ᠮᠢᠬ᠎ᠠ ᠶᠢ ᠬᠡᠳᠡᠷᠬᠦ ᠨᠡᠬᠡᠮᠵᠢᠯᠡᠨ᠎ᠠ᠃ ᠳᠤᠬᠢᠷᠠᠮᠵᠢᠳᠠᠢ ᠪᠠᠷ ᠬᠡᠪᠴᠢᠶᠠᠵᠢᠯ ᠡᠵᠡᠩᠨᠡᠯᠳᠠ | ᠶᠢ ᠠᠬᠢᠭᠤᠯᠵᠤ᠂ ᠰᠢᠨ᠎ᠠ ᠬᠡᠯᠪᠡᠷᠢ ᠶᠢᠨ ᠡᠵᠡᠩᠨᠡᠯᠳᠠ ᠡᠷᠬᠢᠯᠡᠭᠴᠢᠤᠨ ᠤᠨ ᠭᠠᠵᠠᠷ ᠰᠢᠷᠤᠢ ᠰᠢᠯᠵᠢᠬᠦᠯᠬᠦ᠂ ᠭᠠᠵᠠᠷ | ᠰᠢᠷᠤᠢ ᠪᠠᠷ ᠬᠤᠪᠢ ᠤᠷᠤᠬᠤ᠂ ᠤᠷᠤᠯᠠᠨ ᠬᠠᠭᠠᠯᠪᠤᠷᠢᠯᠠᠵᠤ ᠤᠷᠤᠯᠠᠨ ᠳᠠᠷᠢᠬᠤ᠂ ᠬᠤᠯᠪᠤᠭᠠᠯᠠᠨ ᠬᠠᠭᠠᠯᠪᠤᠷᠢᠯᠠᠵᠤ | ᠬᠤᠯᠪᠤᠭᠠᠯᠠᠨ ᠳᠠᠷᠢᠬᠤ ᠵᠡᠷᠬᠡ ᠤᠯᠠᠨ ᠠᠷᠭ᠎ᠠ ᠠᠪᠴᠠᠯ ᠢᠶᠠᠷ ᠡᠵᠡᠩᠨᠡᠯᠳᠠ ᠶᠢᠨ ᠬᠦᠷᠢᠶ᠎ᠡ ᠬᠡᠪᠴᠢᠶ᠎ᠡ ᠪᠠᠨ | ᠦᠷᠬᠡᠤᠨᠬᠡᠬᠦ ᠶᠢ ᠵᠤᠷᠢᠭᠵᠢᠭᠤᠯᠤᠨ᠂ ᠰᠢᠨ᠎ᠠ ᠪᠠᠷ ᠠᠮᠢ ᠠᠬᠤᠶᠢᠴᠢ ᠬᠡᠷ ᠪᠦᠯᠢ ᠶᠢᠨ ᠮᠠᠯ ᠳᠠᠷᠢᠶᠠᠯᠠᠩ ᠤᠨ ᠳᠠᠯᠠᠪᠠᠢ | 40 ᠡᠷᠤᠬᠡ ᠪᠠ ᠳᠡᠵᠢᠬᠡᠨ ᠦᠷᠡᠵᠢᠬᠦᠯᠬᠦ ᠳᠤᠮᠤ ᠡᠷᠤᠬᠡ ᠶᠢ 100 ᠪᠤᠶᠢᠵᠢᠭᠤᠯᠵᠤ᠂ ᠠᠯᠠᠰᠢᠨ ᠦᠬᠡᠷ ᠳᠡᠵᠢᠬᠡᠬᠦ | ᠳᠤᠮᠤ ᠡᠷᠤᠬᠡ ᠶᠢ 40 ᠪᠤᠶᠢᠵᠢᠭᠤᠯᠵᠤ᠂ ᠪᠦᠬᠦ ᠬᠤᠰᠢᠭᠤᠨ ᠤ ᠠᠯᠠᠰᠢᠨ ᠦᠬᠡᠷ ᠳᠡᠵᠢᠬᠡᠬᠦ ᠬᠡᠪᠴᠢᠶᠡᠵᠢᠯ ᠢ 12 | ᠲᠦᠮᠡ ᠬᠦᠷᠬᠡᠨ᠂ ᠪᠤᠭ ᠮᠠᠯ ᠤᠨ ᠳᠤᠭ᠎ᠠ ᠳᠤᠯᠤᠭᠠᠢ ᠶᠢ 220 ᠲᠦᠮᠡ ᠳᠤ ᠳᠤᠭᠳᠠᠪᠤᠷᠢᠳᠠᠢ ᠪᠤᠯᠭᠠᠨ᠎ᠠ᠃ ᠵᠢᠵᠢᠭ | ᠬᠦᠯᠡᠮᠵᠢ ᠪᠠᠷ ᠠᠷᠠᠤᠨ ᠢ ᠪᠠᠶᠠᠯᠵᠢᠭᠤᠯᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠤᠨᠴᠠᠯᠢᠭᠳᠤ ᠳᠠᠷᠢᠮᠠᠯ | ᠤᠨ ᠳᠠᠯᠠᠪᠠᠢ ᠶᠢ 8 ᠲᠦᠮᠡᠨ ᠮᠤ᠋ ᠬᠦᠷᠬᠡᠨ᠂ 1 ᠲᠦᠮᠡᠨ ᠮᠤ᠋ ᠴᠢᠨᠠᠷ ᠰᠠᠶᠢᠳᠤ ᠪᠤᠷᠳᠤᠭᠠᠨ ᠡᠪᠡᠰᠤ ᠪᠠ 2 ᠲᠦᠮᠡᠨ | ᠮᠤ᠋ ᠬᠦᠬᠡ ᠳᠠᠷᠤᠰᠢ ᠶᠢᠨ ᠡᠷᠳᠡᠨᠢ ᠰᠢᠰᠢ ᠨᠡᠮᠡᠵᠤ ᠳᠠᠷᠢᠨ᠎ᠠ᠃᠂ ᠳᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠨ | ᠳᠠᠭᠠᠭᠤᠯᠬᠤ ᠤᠶᠢᠯᠡᠳᠤᠯ ᠢ ᠴᠢᠩᠭᠠᠤᠨᠬᠠᠵᠤ᠂ ᠮᠠᠯ ᠳᠠᠷᠢᠶᠠᠯᠠᠩ ᠤᠨ ᠵᠤᠬᠢᠶᠠᠨ ᠪᠠᠶᠢᠭᠤᠯᠤᠯᠳᠠ ᠬᠢᠬᠦ ᠲᠦᠪᠰᠢᠨ ᠢ | ᠳᠡᠬᠡᠭᠰᠢᠯᠡᠬᠦᠯᠤᠨ᠂ ᠪᠦᠬᠦ ᠵᠢᠯ ᠳᠤ ᠤᠷᠤᠨ ᠤ ᠳᠡᠰ ᠤᠨ ᠮᠠᠯ ᠠᠵᠤ ᠠᠬᠤᠢ ᠶᠢᠨ ᠳᠤᠯᠤᠭᠠᠶᠢᠯᠠᠭᠴᠢ ᠠᠵᠤ | ᠠᠬᠤᠶᠢᠯᠠᠯ 1᠂ ᠬᠤᠳᠠ ᠶᠢᠨ ᠳᠡᠰ ᠤᠨ ᠮᠠᠯ ᠳᠠᠷᠢᠶᠠᠯᠠᠩ ᠤᠨ ᠳᠤᠯᠤᠭᠠᠶᠢᠯᠠᠭᠴᠢ ᠠᠵᠤ ᠠᠬᠤᠶᠢᠯᠠᠯ 3 | ᠪᠤᠶᠢᠵᠢᠭᠤᠯᠵᠤ᠂ ᠠᠰᠢᠭ ᠰᠠᠶᠢᠳᠠᠢ ᠬᠡᠪ ᠤᠨ ᠠᠵᠢᠯᠯᠠᠭ᠎ᠠ ᠲᠠᠢ ᠮᠠᠯᠴᠢᠨ ᠳᠠᠷᠢᠶᠠᠴᠢᠤᠨ ᠤᠨ ᠳᠤᠰᠬᠠᠢ ᠬᠠᠮᠳᠤᠷᠠᠯ | ᠬᠤᠷᠰᠢᠶ᠎ᠠ ᠶᠢ 15 ᠪᠠᠶᠢᠭᠤᠯᠬᠤ ᠶᠢᠨ ᠬᠠᠮᠳᠤ ᠮᠠᠯ ᠳᠠᠷᠢᠶᠠᠯᠠᠩ ᠤᠨ ᠪᠤᠬᠢᠷᠳᠤᠯ ᠦᠬᠡᠢ ᠪᠦᠳᠤᠬᠡᠭᠳᠡᠬᠦᠨ | ᠠᠷᠠᠯᠵᠢᠶᠠᠯᠠᠬᠤ ᠡᠯᠧᠺᠲᠷᠤᠨ ᠠᠷᠠᠯᠵᠢᠶᠠᠨ ᠤ ᠳᠠᠪᠴᠠᠩ ᠴᠤᠭᠴᠠᠯᠠᠨ᠂ ᠮᠠᠯᠴᠢᠨ ᠳᠠᠷᠢᠶᠠᠴᠢᠨ ᠪᠤᠯᠤᠨ ᠴᠢᠯᠤᠬᠡᠳᠤ | ᠳᠡᠯᠬᠡᠬᠦᠷ ᠬᠤᠯᠪᠤᠭᠠᠯᠠᠬᠤ᠂ ᠮᠠᠯᠴᠢᠨ ᠳᠠᠷᠢᠶᠠᠴᠢᠤᠨ ᠪᠤᠯᠤᠨ ᠪᠦᠬᠡᠮ ᠪᠤᠷᠤᠯᠠᠭᠤᠯᠬᠤ ᠳᠡᠯᠬᠡᠬᠦᠷ ᠬᠤᠯᠪᠤᠭᠠᠯᠠᠬᠤ᠂ | ᠰᠢᠭᠤᠤᠨ ᠪᠤᠷᠤᠯᠠᠭᠤᠯᠵᠤ ᠰᠢᠭᠤᠤᠨ ᠡᠵᠡᠩᠨᠡᠬᠦ᠂ ᠳᠤᠰ ᠭᠠᠵᠠᠷ ᠤᠨ ᠬᠡᠪᠴᠢᠶᠡᠨ ᠳᠤ ᠪᠠᠷᠠᠭ᠎ᠠ ᠬᠦᠷᠬᠡᠬᠦ ᠵᠡᠷᠬᠡ | ᠰᠢᠨᠡᠷᠬᠦᠤ ᠠᠷᠠᠯᠵᠢᠶ᠎ᠠ ᠬᠦᠢᠯᠬᠡᠬᠡ ᠶᠢᠨ ᠠᠷᠭ᠎ᠠ ᠬᠡᠯᠪᠡᠷᠢ ᠶᠢ ᠪᠤᠶᠢᠵᠢᠭᠤᠯᠵᠤ᠂ ᠮᠠᠯ ᠤᠨ ᠠᠰᠢᠭ ᠰᠢᠮ᠎ᠠ᠂ ᠳᠠᠷᠢᠶᠠᠯᠠᠩ | ᠤᠨ ᠪᠦᠳᠤᠬᠡᠭᠳᠡᠬᠦᠨ ᠤ ᠤᠶᠢᠯᠡᠤᠨᠪᠤᠷᠢᠯᠡᠬᠦ ᠪᠤᠷᠤᠯᠠᠭᠤᠯᠬᠤ ᠠᠷᠭ᠎ᠠ ᠲᠦᠪᠰᠢᠨ ᠢ ᠳᠡᠬᠡᠭᠰᠢᠯᠡᠬᠦᠯᠤᠨ᠂ ᠮᠠᠯ ᠳᠠᠷᠢᠶᠠᠯᠠᠩ | ᠤᠨ ᠤᠶᠢᠯᠡᠰ ᠤᠨ ᠵᠠᠬ᠎ᠠ ᠳᠡᠯᠬᠡᠬᠦᠷ ᠤᠨ ᠦᠷ᠎ᠠ ᠠᠰᠢᠭ ᠢ ᠦᠷᠬᠡᠤᠨᠬᠡᠨᠠ᠃ ᠬᠡᠪ ᠴᠢᠨᠰᠠᠭᠠᠳᠤ ᠮᠠᠯᠵᠢᠬᠤ | ᠳᠠᠷᠢᠶᠠᠯᠠᠬᠤ ᠤᠷᠤᠨ ᠢ ᠴᠤᠭᠴᠠᠯᠠᠨ᠎ᠠ᠃ ᠬᠡᠪ ᠴᠢᠨᠰᠠᠭ᠎ᠠ ᠶᠢ ᠳᠡᠬᠡᠭᠰᠢᠯᠡᠬᠦᠯᠤᠨ᠂ ᠠᠵᠤ ᠤᠶᠢᠯᠡᠰ ᠪᠤᠯᠤᠨ ᠭᠠᠴᠠᠭ᠎ᠠ | ᠳᠤᠰᠬᠤᠨ ᠤ ᠪᠠᠶᠢᠭᠤᠯᠤᠯᠳᠠ ᠶᠢ ᠠᠭᠤᠰᠤᠯᠴᠠᠭᠤᠯᠬᠤ ᠪᠠᠷ ᠭᠠᠷᠳᠠᠴᠠ ᠪᠤᠯᠭᠠᠵᠤ᠂ ᠠᠵᠤ ᠤᠶᠢᠯᠡᠰ ᠳᠤᠯᠭᠠᠭᠤᠷᠢᠯᠠᠯ | ᠲᠠᠢ᠂ ᠤᠷᠤᠯᠭ᠎ᠠ ᠶᠢᠨ ᠨᠠᠮᠡᠭᠳᠡᠯ ᠪᠠᠳᠤᠯᠠᠭ᠎ᠠ ᠲᠠᠢ᠂ ᠠᠬᠤᠢ ᠤᠷᠴᠢᠨ ᠳᠤᠬᠢᠳᠠᠢ᠂ ᠬᠦᠭᠵᠢᠯᠳᠠ ᠴᠢᠨᠠᠷ ᠲᠠᠢ ᠪᠠᠶᠢᠬᠤ | ᠪᠠᠷ ᠬᠠᠷᠠᠯᠳᠠ ᠪᠤᠯᠭᠠᠵᠤ᠂ ᠦᠵᠡᠰᠬᠦᠯᠡᠩᠳᠤ ᠬᠦᠳᠡᠭᠡ ᠨᠤᠳᠤᠭ ᠤᠨ ᠭᠤᠷᠪᠠᠨ ᠵᠢᠯ ᠤᠨ ᠠᠵᠢᠯᠯᠠᠭ᠎ᠠ ᠶᠢᠨ | ᠲᠦᠯᠤᠪᠯᠡᠭᠡ ᠶᠢ ᠬᠦᠨᠵᠡᠬᠡᠢ ᠦᠷᠨᠢᠬᠦᠯᠵᠤ᠂ ᠪᠦᠬᠦ ᠵᠢᠯ ᠳᠤ ᠦᠵᠡᠰᠬᠦᠯᠡᠩᠳᠤ ᠬᠦᠳᠡᠭᠡ ᠨᠤᠳᠤᠭ ᠤᠨ ᠦᠵᠡᠮᠵᠢ ᠶᠢᠨ | ᠱᠤᠭᠤᠮ ᠢ 10᠂ ᠠᠵᠤ ᠤᠶᠢᠯᠡᠰ ᠭᠠᠴᠠᠭ᠎ᠠ ᠳᠤᠰᠬᠤᠨ ᠢ ᠠᠭᠤᠰᠤᠯᠴᠠᠭᠤᠯᠤᠨ ᠬᠦᠭᠵᠢᠬᠦᠯᠦᠭᠰᠡᠨ ᠳᠠᠭᠤᠷᠢᠶᠠᠯ | ᠴᠡᠭ ᠢ 14᠂ ᠦᠵᠡᠰᠬᠦᠯᠡᠩᠳᠤ ᠬᠦᠳᠡᠭᠡ ᠨᠤᠳᠤᠭ ᠤᠨ ᠰᠤᠳᠤᠨ ᠭᠠᠴᠠᠭ᠎ᠠ ᠳᠤᠰᠬᠤᠨ ᠢ 10 ᠴᠤᠭᠴᠠᠯᠠᠨ᠎ᠠ᠃ | ᠥᠮᠴᠢᠯᠡᠯ ᠤᠨ ᠡᠷᠭᠡ ᠶᠢᠨ ᠲᠥᠷᠢᠮ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠭᠠᠵᠠᠷ ᠰᠢᠷᠥᠢ ᠨᠤᠳᠤᠭ | ᠪᠡᠯᠴᠢᠭᠡᠷ ᠤᠨ ︽ᠭᠤᠷᠪᠠᠨ ᠡᠷᠭᠡ ᠶᠢᠨ ᠲᠤᠰᠠᠭᠠᠷᠯᠠᠯ︾ ᠤᠨ ᠠᠷᠭ᠎ᠠ ᠶᠢ ᠲᠡᠭᠦᠯᠳᠡᠷᠵᠢᠭᠦᠯᠵᠥ᠂ ᠬᠠᠮᠳᠤ ᠶᠢᠨ | ᠡᠵᠡᠩᠨᠡᠯᠳᠡ ᠶᠢᠨ ᠴᠢᠨᠠᠷᠳᠤ ᠪᠠᠷᠢᠯᠭ᠎ᠠ ᠶᠢᠨ ᠭᠠᠵᠠᠷ ᠢ ᠬᠤᠳᠠᠯᠳᠤᠭᠠᠯᠠᠬᠤ ᠪᠠ ᠤᠷᠤᠨ ᠰᠠᠭᠤᠴᠨ ᠶᠢᠨ ᠰᠠᠭᠤᠷᠢ | ᠭᠠᠵᠠᠷ ᠤᠨ ᠲᠥᠷᠢᠮ ᠤᠨ ᠥᠭᠡᠷᠡᠴᠢᠯᠡᠯᠳᠡ ᠶᠢ ᠰᠦᠪᠡᠭᠴᠢᠯᠡᠨ᠎ᠠ︔ ᠮᠠᠯᠵᠢᠬᠤ ᠲᠠᠷᠢᠶᠠᠯᠠᠬᠤ ᠤᠷᠤᠨ ᠤ ᠮᠥᠩᠭᠦᠨ | ᠭᠥᠢᠯᠭᠡᠭᠡᠨ ᠤ ᠲᠤᠭᠳᠠᠴᠠ ᠶᠢᠨ ᠥᠭᠡᠷᠡᠴᠢᠯᠡᠯᠳᠡ ᠶᠢ ᠠᠬᠢᠭᠤᠯᠵᠤ᠂ ᠭᠠᠵᠠᠷ ᠰᠢᠷᠥᠢ ᠨᠤᠳᠤᠭ ᠪᠡᠯᠴᠢᠭᠡᠷ ᠤᠨ | ᠡᠵᠡᠩᠨᠡᠯᠳᠡ ᠶᠢᠨ ᠡᠷᠭᠡ ᠪᠠᠷ ᠪᠠᠷᠢᠴᠠᠭᠠᠳᠤ ᠵᠢᠬᠡᠯᠡᠯᠬᠡ ᠠᠪᠬᠤ ᠠᠵᠢᠯ ᠢ ᠠᠭᠠᠵᠢᠮ ᠢᠶᠠᠷ ᠡᠬᠢᠯᠡᠬᠦᠯᠤᠨ᠎ᠠ︔ ᠮᠠᠯ | ᠳᠠᠷᠢᠶᠠᠯᠠᠩ ᠤᠨ ᠤᠶᠢᠯᠡᠰ ᠤᠨ ᠦᠵᠤᠬᠦᠷᠰᠢᠯ ᠨᠦᠬᠦᠪᠤᠷᠢᠯᠡᠯ ᠤᠨ ᠳᠤᠭᠳᠠᠴᠠ ᠶᠢ ᠳᠡᠬᠦᠯᠳᠡᠷᠵᠢᠬᠦᠯᠵᠤ᠂ ᠮᠠᠯᠴᠢᠨ | ᠳᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠭ ᠳᠤᠰᠠ ᠶᠢᠨ ᠬᠤᠯᠪᠤᠭᠠᠳᠤ ᠳᠤᠭᠳᠠᠴᠠ ᠶᠢ ᠲᠦᠷᠬᠡᠤᠨᠬᠡᠨ | ᠪᠠᠶᠢᠭᠤᠯᠵᠤ᠂ ᠮᠠᠯ ᠳᠠᠷᠢᠶᠠᠯᠠᠩ ᠤᠨ ᠤᠶᠢᠯᠡᠰ ᠤᠨ ᠳᠤᠯᠤᠭᠠᠶᠢᠯᠠᠭᠴᠢ ᠠᠵᠤ ᠠᠬᠤᠶᠢᠯᠠᠯ ᠤᠳ ᠢ ᠠᠵᠤ ᠤᠶᠢᠯᠡᠰ ᠤᠨ | ᠬᠦᠨᠵᠡᠬᠡᠢ ᠳᠤᠬᠢᠷᠠᠭᠤᠯᠤᠯᠳᠠ ᠬᠢᠬᠦ ᠲᠦᠯᠬᠢᠴᠠ ᠬᠦᠴᠤᠨ ᠪᠠ ᠮᠠᠯᠴᠢᠨ ᠳᠠᠷᠢᠶᠠᠴᠢᠤᠨ ᠤᠨ ᠤᠷᠤᠯᠭ᠎ᠠ ᠪᠠᠨ | ᠦᠷᠬᠦᠯᠵᠢᠯᠡᠨ ᠨᠡᠮᠡᠭᠳᠡᠬᠦᠯᠬᠦ ᠬᠠᠮᠳᠤ ᠶᠢᠨ ᠴᠤᠭᠴᠠ ᠪᠤᠯᠭᠠᠨ᠎ᠠ᠃ ᠮᠠᠯᠴᠢᠨ ᠲᠠᠷᠢᠶᠠᠴᠢᠳ ᠤᠨ ᠬᠡᠪ ᠴᠢᠨᠠᠷ ᠢ | ᠳᠡᠬᠡᠭᠰᠢᠯᠡᠬᠦᠯᠤᠨ᠎ᠠ᠃ ᠶᠤᠰᠤ ᠰᠤᠷᠳᠠᠬᠤᠨ ᠢ ᠳᠡᠬᠡᠳᠤᠯᠡᠨ᠂ ᠶᠡᠷᠣᠩᠬᠡᠶᠢᠯᠡᠭᠰᠡᠨ ᠬᠡᠪ ᠴᠢᠨᠠᠷ ᠢ ᠳᠡᠬᠡᠭᠰᠢᠯᠡᠬᠦᠯᠬᠦ ᠪᠠᠷ | ᠭᠠᠷᠳᠠᠴᠠ ᠪᠤᠯᠭᠠᠨ᠂ ᠮᠠᠯᠴᠢᠨ ᠳᠠᠷᠢᠶᠠᠴᠢᠤᠨ ᠤᠨ ᠬᠡᠪ ᠴᠢᠨᠠᠷ ᠢ ᠳᠡᠬᠡᠭᠰᠢᠯᠡᠬᠦᠯᠬᠦ ᠠᠵᠢᠯ ᠢ ᠬᠦᠨᠵᠡᠬᠡᠶᠢᠷᠡᠬᠦᠯᠵᠤ᠂ | ᠠᠷᠪᠠᠨ ᠤᠳᠤᠨ ᠳᠡᠰ ᠤᠨ ᠪᠤᠯᠪᠠᠰᠤᠨ ᠡᠷᠤᠬᠡ᠂ ᠪᠡᠬᠡᠵᠢᠩ ᠠᠶᠢᠯ᠂ ᠬᠡᠷ ᠤᠨ ᠰᠤᠷᠳᠠᠯ ᠰᠠᠶᠢᠨ ᠬᠡᠷ ᠤᠨ ᠰᠤᠷᠭᠠᠯ | ᠤᠬᠢ ᠵᠡᠷᠬᠡ ᠭᠤᠤᠯ ᠰᠡᠳᠤᠪᠳᠤ ᠠᠵᠢᠯᠯᠠᠭ᠎ᠠ ᠶᠢ ᠦᠷᠬᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠵᠤ᠂ ᠪᠠᠭ᠎ᠠ ᠪᠠᠷ | ᠶᠡᠭᠡ ᠶᠢ ᠳᠠᠶᠢᠴᠢᠯᠠᠨ᠂ ᠶᠤᠰᠤ ᠰᠤᠷᠳᠠᠬᠤᠨ ᠲᠠᠢ ᠤᠬᠢ ᠰᠠᠶᠢᠨ ᠤᠷᠴᠢᠨ ᠢ ᠪᠦᠷᠢᠯᠳᠤᠬᠦᠯᠤᠨ᠎ᠠ︔ ᠠᠵᠢᠯ ᠮᠡᠷᠬᠡᠵᠢᠯ | ᠤᠨ ᠮᠠᠯᠴᠢᠨ ᠳᠠᠷᠢᠶᠠᠴᠢᠨ ᠢ ᠬᠦᠮᠤᠵᠢᠬᠦᠯᠬᠦ ᠬᠦᠴᠤᠯᠡᠴᠠ ᠪᠠᠨ ᠶᠡᠬᠡᠤᠨᠬᠡᠨ᠂ ᠮᠠᠯᠴᠢᠨ ᠳᠠᠷᠢᠶᠠᠴᠢᠤᠨ ᠤᠨ ᠰᠢᠨ᠎ᠠ | ᠬᠡᠯᠪᠡᠷᠢ ᠶᠢᠨ ᠠᠵᠤ ᠤᠶᠢᠯᠡᠰ ᠬᠦᠭᠵᠢᠬᠦᠯᠬᠦ ᠴᠢᠳᠠᠪᠤᠷᠢ ᠶᠢ ᠳᠡᠬᠡᠭᠰᠢᠯᠡᠬᠦᠯᠵᠤ᠂ ᠨᠢᠬᠡ ᠪᠦᠯᠦᠭ ᠬᠡᠷᠡᠭᠯᠡᠵᠤ ᠳᠠᠶᠢᠯᠬᠦ᠂ | ᠦᠯᠡᠳᠡᠬᠡᠵᠤ ᠴᠢᠳᠠᠬᠤ ᠴᠢᠳᠠᠪᠤᠷᠢᠳᠠᠨ ᠢ ᠬᠦᠮᠤᠵᠢᠬᠦᠯᠤᠨ᠎ᠠ︔ ᠡᠷᠳᠠᠮ ᠨᠤᠮ ᠤᠨ ᠰᠤᠶᠤᠯ ᠢ ᠰᠤᠷᠳᠠᠯᠴᠢᠯᠠᠨ᠂ | ᠬᠢᠴᠢᠶᠡᠯᠡᠯᠬᠡ ᠶᠢᠨ ᠲᠢᠩᠬᠢᠮ᠂ ᠰᠤᠶᠤᠯ ᠤᠨ ᠬᠠᠨ᠎ᠠ᠂ ᠭᠠᠴᠠᠭ᠎ᠠ ᠳᠤᠰᠬᠤᠨ ᠤ ᠨᠡᠪᠳᠡᠷᠡᠬᠦᠯᠬᠡ ᠪᠤᠯᠤᠨ ᠭᠠᠷ | ᠤᠳᠠᠰᠤᠨ ᠤᠬᠤᠷ ᠵᠠᠩᠬᠢ᠂ ᠪᠢᠴᠢᠯ ᠪᠦᠷᠬᠡ᠂ ᠸᠢᠴᠠᠲ ᠵᠡᠷᠬᠡ ᠰᠢᠨ᠎ᠠ ᠵᠠᠭᠤᠴᠢᠯᠠᠭᠤᠷ ᠤᠳ ᠢᠶᠠᠷ ᠪᠦᠬᠦ ᠠᠷᠠᠤᠨ | ᠢᠶᠠᠷ ᠨᠤᠮ ᠤᠩᠰᠢᠬᠤ ᠠᠵᠢᠯᠯᠠᠭ᠎ᠠ ᠦᠷᠨᠢᠬᠦᠯᠵᠤ᠂ ᠮᠤᠷᠠᠯ ᠲᠠᠢ᠂ ᠢᠳᠡᠬᠡᠯ ᠲᠠᠢ᠂ ᠰᠤᠶᠤᠯ ᠲᠠᠢ᠂ ᠴᠢᠳᠠᠪᠤᠷᠢ ᠲᠠᠢ᠂ | ᠡᠵᠡᠩᠨᠠᠯᠳᠠ ᠬᠢᠵᠤ ᠴᠢᠳᠠᠬᠤ ᠮᠦᠷᠳᠡᠬᠡᠨ ᠬᠠᠤᠯᠢ ᠲᠦᠷᠢᠮ ᠢ ᠵᠢᠷᠤᠮᠯᠠᠳᠠᠭ ᠰᠢᠨ᠎ᠠ ᠴᠠᠭ ᠤᠨ ᠮᠠᠯᠴᠢᠨ ᠳᠠᠷᠢᠶᠠᠴᠢᠨ ᠢ | ᠬᠦᠮᠤᠵᠢᠬᠦᠯᠤᠨ᠎ᠠ᠃ | ︵ᠲᠦᠷᠪᠠ︶ ᠠᠵᠤ ᠤᠶᠢᠯᠡᠰ ᠤᠨ ᠪᠣᠶᠢᠵᠢᠭᠤᠯᠣᠯᠳᠠ ᠶᠢ ᠴᠢᠩᠭᠠᠤᠨᠬᠠᠵᠤ᠂ ᠬᠦᠭᠵᠢᠯᠳᠠ ᠶᠢᠨ ᠳᠠᠯᠳᠠ | ᠬᠦᠴᠤᠨ ᠢ ᠢᠯᠡᠷᠡᠬᠦᠯᠤᠨ᠂ ᠤᠶᠢᠯᠡᠴᠢᠯᠡᠬᠡᠨ ᠤ ᠤᠶᠢᠯᠡᠰ ᠤᠨ ᠳᠡᠰ ᠳᠠᠪᠰᠢᠯᠳᠠ ᠶᠢ ᠠᠬᠢᠭᠤᠯᠤᠨ᠎ᠠ᠃ | ᠤᠶᠢᠯᠡᠴᠢᠯᠡᠬᠡᠨ ᠤ ᠤᠶᠢᠯᠡᠰ ᠪᠤᠯ ᠮᠠᠨ ᠤ ᠬᠤᠰᠢᠭᠤᠨ ᠤ ᠬᠦᠭᠵᠢᠯᠳᠠ ᠶᠢᠨ ᠳᠤᠳᠠᠭᠤᠳᠠᠯ ᠵᠦᠢᠯ ᠪᠦᠬᠡᠤᠨ ᠠᠰᠤᠷᠤ | ᠶᠡᠭᠡ ᠬᠦᠭᠵᠢᠯᠳᠠ ᠶᠢᠨ ᠨᠦᠬᠡᠴᠠ ᠬᠦᠴᠤᠨ ᠲᠠᠢ ᠶᠤᠮ᠃ ᠦᠨᠤ ᠵᠢᠯ ᠪᠢᠳᠠ ᠬᠦᠴᠤᠨ ᠢᠶᠠᠨ ᠲᠦᠪᠯᠡᠷᠡᠬᠦᠯᠤᠨ | ᠤᠶᠢᠯᠡᠴᠢᠯᠡᠬᠡᠨ ᠤ ᠤᠶᠢᠯᠡᠰ ᠤᠨ ᠪᠤᠳᠠᠳᠤ ᠴᠤᠭᠴᠠ ᠶᠢᠨ ᠠᠵᠤ ᠠᠬᠤᠢ ᠶᠢ ᠬᠦᠭᠵᠢᠬᠡᠵᠤ᠂ ᠳᠡᠰ ᠳᠡᠪᠰᠢᠬᠦᠯᠤᠨ | ᠬᠦᠭᠵᠢᠬᠦᠯᠬᠦ ᠳᠡᠬᠡᠷ᠎ᠠ ᠰᠢᠪᠳᠤᠯᠤᠯᠳᠠ ᠭᠠᠷᠭᠠᠨ᠎ᠠ᠃ ᠪᠦᠬᠦ ᠬᠡᠪᠴᠢᠶᠠᠨ ᠤ ᠵᠢᠭᠤᠯᠴᠢᠯᠠᠯ ᠢ ᠬᠦᠴᠤᠯᠡᠨ | ᠬᠦᠭᠵᠢᠬᠦᠯᠤᠨ᠎ᠠ᠃ ᠪᠠᠶᠢᠷᠢᠯᠠᠭᠤᠯᠤᠯᠳᠠ ᠪᠤᠯᠤᠨ ᠠᠬᠢᠭᠤᠯᠤᠯ ᠨᠦᠬᠦᠪᠤᠷᠢᠯᠠᠯ ᠳᠡᠬᠡᠷ᠎ᠠ ︽ᠪᠦᠷᠢᠨ ᠪᠦᠳᠤᠨ︾ ᠢ | ᠴᠢᠬᠤᠯᠠᠴᠢᠯᠠᠨ᠂ ᠪᠦᠬᠦ ᠠᠷᠠᠤᠨ ᠤᠷᠤᠯᠴᠠᠭᠰᠡᠨ᠂ ᠪᠦᠬᠦ ᠬᠤᠰᠢᠭᠤ ᠪᠦᠷᠬᠦᠭᠰᠡᠨ᠂ ᠪᠦᠬᠦ ᠤᠶᠢᠯᠡᠰ ᠲᠤ | ᠬᠤᠯᠪᠤᠭᠳᠠᠭᠰᠡᠨ᠂ ᠪᠦᠬᠦ ᠵᠢᠯ ᠢᠶᠠᠷ ᠨᠡᠬᠡᠬᠡᠯᠳᠠ ᠲᠠᠢ ᠵᠢᠭᠤᠯᠴᠢᠯᠠᠯ ᠤᠨ ᠰᠢᠨ᠎ᠠ ᠵᠠᠮ ᠱᠤᠭᠤᠮ ᠢ ᠴᠤᠭᠴᠠᠯᠠᠨ᠎ᠠ᠃ ︽ | ᠡᠷᠤᠬᠡ ᠪᠤᠯᠭᠠᠨ ᠵᠢᠭᠤᠯᠴᠢᠯᠠᠯ ᠤᠨ ᠴᠡᠭ ᠪᠤᠯᠵᠤ᠂ ᠬᠦᠮᠤᠨ ᠪᠤᠯᠭᠠᠨ ᠵᠢᠭᠤᠯᠴᠢᠯᠠᠯ ᠤᠨ ᠡᠯᠴᠢ ᠪᠤᠯᠤᠭᠰᠡᠨ︾ ᠪᠦᠬᠦ | ᠬᠦᠷᠢᠶ᠎ᠡ ᠬᠡᠪᠴᠢᠶᠡᠨ ᠤ ᠵᠢᠭᠤᠯᠴᠢᠯᠠᠯ ᠤᠨ ᠰᠡᠤᠨᠬᠢᠮᠵᠢ ᠶᠤᠰᠤᠭᠠᠷ ᠪᠦᠬᠦ ᠠᠷᠠᠤᠨ ᠢ ᠤᠷᠤᠯᠴᠠᠭᠤᠯᠤᠨ᠂ ᠪᠦᠬᠦ | ᠠᠷᠠᠤᠨ ᠲᠤ ᠠᠰᠢᠭ ᠬᠦᠷᠳᠡᠬᠡᠵᠤ᠂ ᠳᠠᠷᠢᠶᠠᠴᠢᠨ ᠠᠶᠢᠯ ᠤᠨ ᠪᠠᠶᠠᠰᠤᠯ ᠮᠠᠯᠴᠢᠨ ᠠᠶᠢᠯ ᠤᠨ ᠪᠠᠶᠠᠰᠤᠯ᠂ ᠵᠢᠭᠠᠰᠤᠴᠢᠨ | ᠠᠶᠢᠯ ᠤᠨ ᠪᠠᠶᠠᠰᠤᠯ ᠤᠨ ᠬᠦᠯᠢᠶᠡᠨ ᠵᠤᠴᠢᠯᠠᠬᠤ ᠡᠷᠤᠬᠡ ᠶᠢ ᠬᠡᠯᠪᠡᠷᠢ ᠶᠢ ᠨᠢ ᠬᠤᠪᠢᠷᠠᠭᠤᠯᠤᠨ ᠳᠡᠰ ᠳᠠᠪᠰᠢᠬᠦᠯᠵᠤ᠂ | ᠠᠶᠢᠯ ᠡᠷᠤᠬᠡ ᠶᠢᠨ ᠰᠤᠳᠤᠨ ᠵᠢᠭᠤᠯᠴᠢᠯᠠᠯ ᠤᠨ ᠴᠡᠭ ᠢ 100 ᠴᠤᠭᠴᠠᠯᠠᠨ᠎ᠠ᠃ ᠭᠤᠤᠯᠳᠠᠯᠭᠠᠳᠤ ᠦᠵᠡᠮᠵᠢ ᠶᠢᠨ | ᠤᠷᠤᠨ ᠪᠠ ᠬᠦᠳᠡᠭᠡ ᠳᠤᠰᠬᠤᠨ ᠤ ᠦᠵᠡᠮᠵᠢ ᠶᠢᠨ ᠴᠡᠭ ᠢ ᠬᠠᠷᠢᠯᠴᠠᠨ ᠤᠶᠠᠯᠳᠤᠭᠤᠯᠵᠤ᠂ ᠪᠦᠬᠦ ᠬᠤᠰᠢᠭᠤᠨ ᠳᠤ | ᠦᠵᠡᠮᠵᠢ ᠶᠢᠨ ᠴᠡᠭ ᠪᠦᠷᠬᠦᠬᠦᠯᠤᠨ᠂ ᠰᠤᠶᠤᠯ ᠤᠨ ᠠᠵᠤ ᠤᠶᠢᠯᠡᠰ ᠤᠨ ᠬᠦᠷᠢᠶᠡᠯᠠᠩ᠂ ᠶᠡᠭᠡ ᠳᠤᠯᠤᠨ ᠠᠮᠢ | ᠠᠬᠤᠶᠢᠴᠢ ᠰᠤᠶᠤᠯ ᠵᠢᠭᠤᠯᠴᠢᠯᠠᠯ ᠤᠨ ᠤᠷᠤᠨ᠂ ᠭᠤᠯᠤᠮᠳᠠ ᠭᠠᠯ ᠴᠡᠴᠡᠷᠯᠢᠭ᠂ ᠠᠵᠢᠯ ᠮᠡᠷᠬᠡᠵᠢᠯ ᠤᠨ ᠬᠦᠷᠢᠶᠡᠯᠡᠩ | ᠳᠤᠭᠤᠷᠢᠭ᠂ ᠠᠵᠠᠳᠠᠢ ᠰᠤᠪᠢᠯᠠᠯᠳᠠ ᠶᠢᠨ ᠬᠦᠷᠢᠶᠡᠯᠡᠩ ᠵᠡᠷᠬᠡ 5 ᠶᠢ ᠢᠵᠢ ᠴᠤᠭᠴᠠᠵᠢᠭᠤᠯᠤᠭᠰᠡᠨ ᠰᠤᠶᠤᠯ | ᠵᠢᠭᠤᠯᠴᠢᠯᠠᠯ ᠤᠨ ᠬᠠᠮ ᠴᠤᠭᠴᠠ ᠶᠢ ᠪᠠᠶᠢᠭᠤᠯᠤᠨ ᠤᠯᠤᠰ ᠤᠨ 5A ᠳᠡᠰ ᠤᠨ ᠵᠢᠭᠤᠯᠴᠢᠯᠠᠯ ᠤᠨ ᠤᠷᠤᠨ | ᠪᠤᠯᠭᠠᠬᠤ ᠪᠠᠷ ᠴᠢᠷᠮᠠᠶᠢᠨ᠎ᠠ︔ ᠪᠠᠶᠠᠨᠰᠢᠪᠠᠷ ᠤᠨ ᠴᠠᠶᠢᠳᠠᠮ᠂ ᠡᠯᠡᠰᠤ ᠮᠠᠩᠬᠠᠨ ᠳᠤᠮᠤ ᠬᠠᠪᠴᠢᠯ᠂ ᠬᠡᠷᠡᠮ ᠤᠨ ᠭᠤᠤᠯ | ᠤᠨ ᠦᠵᠡᠮᠵᠢ ᠶᠢᠨ ᠤᠷᠤᠨ ᠢ ᠵᠢᠯ ᠤᠨ ᠳᠤᠳᠤᠷ᠎ᠠ ᠪᠦᠳᠤᠬᠡᠨ ᠪᠠᠶᠢᠭᠤᠯᠤᠨ ᠠᠰᠢᠭᠯᠠᠵᠤ᠂ ︽1 + 6︾ ᠶᠢᠨ | ᠬᠤᠪᠢᠰᠬᠠᠯᠳᠤ ᠵᠢᠭᠤᠯᠴᠢᠯᠠᠯ ᠤᠨ ᠴᠡᠭ ᠢ 6 ᠰᠠᠷ᠎ᠠ ᠶᠢᠨ ᠡᠮᠤᠨ᠎ᠡ ᠪᠠᠶᠢᠭᠤᠯᠵᠤ ᠠᠰᠢᠭᠯᠠᠨ᠂ ᠪᠦᠬᠦ ᠤᠯᠤᠰ ᠲᠤ | ᠬᠠᠨᠳᠤᠭᠤᠯᠤᠭᠰᠡᠨ ᠦᠨᠳᠤᠰᠤᠳᠠᠨ ᠤ ᠺᠠᠳ᠋ᠷ ᠤᠳ ᠢ ᠪᠤᠯᠪᠠᠰᠤᠷᠠᠭᠤᠯᠤᠨ ᠬᠦᠮᠤᠵᠢᠬᠦᠯᠬᠦ ᠰᠠᠭᠤᠷᠢᠨ ᠪᠤᠯᠭᠠᠨ | ᠪᠠᠶᠢᠭᠤᠯᠵᠤ᠂ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠡᠨ 70 ᠵᠢᠯ ᠤᠨ ᠤᠢ ᠳᠤ ᠪᠡᠯᠡᠭ ᠳᠡᠪᠰᠢᠬᠦᠯᠤᠨ᠎ᠠ᠃ | ︽ᠰᠤᠳᠤᠨ᠂ ᠵᠦᠷᠢᠶᠠᠨ ᠲᠠᠢ᠂ ᠲᠦᠷᠢᠮᠵᠢᠬᠦᠨ︾ ᠱᠠᠭᠠᠷᠳᠠᠯᠭ᠎ᠠ ᠶᠤᠰᠤᠭᠠᠷ ᠦᠵᠡᠰᠬᠦᠯᠡᠩᠳᠤ ᠬᠦᠳᠡᠭᠡ ᠨᠤᠳᠤᠭ | ᠤᠨ ᠵᠢᠭᠤᠯᠴᠢᠯᠠᠯ ᠢ ᠯᠠᠪᠳᠠᠭᠤᠨ ᠠᠬᠢᠭᠤᠯᠵᠤ᠂ ᠲᠦᠪᠡᠤᠨ᠂ ᠶᠡᠭᠡ ᠳᠤᠬᠤᠢ ᠵᠡᠷᠬᠡ 10 ᠰᠢᠨ᠎ᠠ ᠭᠠᠴᠠᠭ᠎ᠠ | ᠳᠤᠰᠬᠤᠨ ᠢ ᠭᠠᠴᠠᠭ᠎ᠠ ᠳᠤᠰᠬᠤᠨ ᠤ ᠰᠤᠳᠤᠨ ᠵᠢᠭᠤᠯᠴᠢᠯᠠᠯ ᠤᠨ ᠳᠠᠭᠤᠷᠢᠶᠠᠯ ᠪᠠ ᠦᠪᠡᠰᠤᠪᠠᠨ ᠳᠡᠷᠬᠡ ᠪᠠᠷᠢᠵᠤ | ᠵᠢᠭᠤᠯᠴᠢᠯᠠᠬᠤ ᠬᠢᠬᠡᠤᠨ ᠬᠡᠷ ᠳᠡᠷᠬᠡ ᠪᠠᠷ ᠵᠢᠭᠤᠯᠴᠢᠯᠠᠬᠤ ᠪᠠᠭᠤᠴᠠ ᠪᠤᠯᠭᠠᠨ᠎ᠠ᠃ ᠤᠳᠤ ᠦᠶ᠎ᠡ ᠶᠢᠨ ᠪᠤᠳᠠᠰ ᠤᠨ | ᠬᠦᠢᠯᠬᠡᠬᠡᠨ ᠤ ᠤᠶᠢᠯᠡᠰ ᠤᠨ ᠬᠦᠭᠵᠢᠯᠳᠠ ᠶᠢ ᠲᠦᠷᠬᠡᠤᠨᠬᠡᠨ᠎ᠠ᠃ ᠪᠦᠬᠦ ᠬᠤᠰᠢᠭᠤᠨ ᠤ ᠪᠤᠳᠠᠰ ᠤᠨ ᠬᠦᠢᠯᠬᠡᠬᠡᠨ ᠤ | ᠤᠶᠢᠯᠡᠰ ᠤᠨ ᠬᠦᠭᠵᠢᠬᠦᠯᠤᠯᠳᠠ ᠶᠢᠨ ᠲᠦᠯᠤᠪᠯᠡᠭᠡ ᠳᠤᠭᠳᠠᠭᠠᠨ᠂ ᠬᠦᠮᠤᠷᠬᠡᠯᠠᠯᠳᠠ᠂ ᠬᠦᠷᠬᠡᠯᠳᠠ᠂ ᠬᠦᠷᠤᠬᠡᠨ | ᠳᠠᠮᠵᠢᠭᠤᠯᠭ᠎ᠠ ᠵᠡᠷᠬᠡ ᠪᠤᠳᠠᠰ ᠤᠨ ᠬᠦᠢᠯᠬᠡᠬᠡᠨ ᠤ ᠠᠵᠢᠯ ᠤᠶᠢᠯᠡ ᠶᠢ ᠬᠦᠴᠤᠯᠡᠨ ᠬᠦᠭᠵᠢᠬᠡᠵᠤ᠂ ᠰᠤᠷᠭᠤᠭ ᠢᠶᠠᠷ | ᠬᠠᠳᠠᠭᠠᠯᠠᠬᠤ ᠬᠦᠷᠤᠬᠡᠭᠴᠢ ᠬᠦᠮᠤᠷᠬᠡ ᠶᠢ 2᠂ ᠬᠦᠷᠤᠬᠡᠨ ᠬᠦᠮᠤᠷᠬᠡᠯᠡᠬᠦ ᠰᠠᠭᠤᠷᠢᠨ 1 ᠶᠢ ᠰᠢᠨ᠎ᠠ ᠪᠠᠷ ᠪᠠᠶᠢᠭᠤᠯᠵᠤ᠂ | ᠤᠯᠵᠠᠴᠢ ᠪᠠᠯᠭᠠᠰᠤᠨ ᠤ ᠶᠡᠷᠤᠩᠬᠡᠶᠢᠯᠡᠭᠰᠡᠨ ᠪᠤᠳᠠᠰ ᠤᠨ ᠬᠦᠢᠯᠬᠡᠬᠡᠨ ᠤ ᠬᠦᠷᠢᠶᠡᠯᠡᠩ ᠢ ᠡᠬᠢᠯᠡᠨ ᠪᠠᠶᠢᠭᠤᠯᠤᠨ᠎ᠠ᠃ | ︽ᠢᠨᠲ᠋ᠧᠷ ᠰᠦᠯᠵᠢᠶ᠎ᠠ +︾ ᠪᠠᠶᠢᠯᠳᠤᠬᠤ ᠪᠤᠳᠤᠯᠭ᠎ᠠ ᠶᠢ ᠬᠦᠨᠵᠡᠬᠡᠢ ᠠᠬᠢᠭᠤᠯᠤᠨ᠂ ᠬᠤᠰᠢᠭᠤᠨ ᠤ ᠡᠯᠧᠺᠲᠷᠤᠨ | ᠠᠵᠤ ᠤᠶᠢᠯᠡᠰ ᠤᠨ ᠬᠦᠷᠢᠶᠡᠯᠡᠩ ᠢᠶᠠᠷ ᠰᠠᠭᠤᠷᠢᠯᠠᠭᠤᠯᠵᠤ᠂ ᠨᠤᠳᠤᠭ ᠲᠤ ᠪᠠᠨ ᠬᠦᠮᠤᠵᠢᠬᠦᠯᠬᠦ ᠪᠠ ᠭᠠᠳᠠᠨ᠎ᠠ ᠠᠴᠠ | ᠤᠷᠢᠬᠤ ᠶᠢ ᠤᠶᠠᠯᠳᠤᠭᠤᠯᠤᠨ᠂ ᠲᠦᠷᠤ ᠶᠢᠨ ᠪᠤᠳᠤᠯᠭ᠎ᠠ ᠶᠢᠨ ᠳᠡᠮᠵᠢᠬᠦ ᠬᠦᠴᠤᠯᠡᠴᠠ ᠶᠢ ᠴᠢᠩᠭᠠᠤᠨᠬᠠᠵᠤ᠂ ᠳᠤᠤ | ᠪᠤᠤ᠂ ᠳ᠋ᠦᠩ ᠵᠢᠩ᠂ ᠰᠤ᠋ ᠨᠢᠩ ᠢ ᠭᠧᠦ ᠵᠡᠷᠬᠡ ᠡᠯᠧᠺᠲᠷᠤᠨ ᠠᠷᠠᠯᠵᠢᠶᠠᠨ ᠤ ᠳᠠᠪᠴᠠᠩ ᠢ ᠮᠠᠯᠵᠢᠬᠤ ᠳᠠᠷᠢᠶᠠᠯᠠᠬᠤ | ᠤᠷᠤᠨ ᠲᠠᠢ ᠬᠠᠷᠢᠯᠴᠠᠭᠤᠯᠵᠤ᠂ ᠤᠳᠤᠭ ᠤᠨ ᠡᠮᠤᠨᠡᠳᠤ ᠬᠤᠰᠢᠭᠤᠨ ᠤ ᠤᠷᠤᠨ ᠨᠤᠳᠤᠭ ᠤᠨ ᠳᠡᠯᠬᠡᠬᠦᠷ ᠬᠢᠬᠡᠤᠨ | ᠤᠨᠴᠠᠯᠢᠭᠳᠤ ᠳᠡᠯᠬᠡᠬᠦᠷ ᠵᠡᠷᠬᠡ ᠡᠯᠧᠺᠲᠷᠤᠨ ᠠᠷᠠᠯᠵᠢᠶᠠᠨ ᠤ ᠶᠠᠪᠤᠳᠠᠯ ᠤᠨ ᠬᠤᠰᠢᠭᠤᠴᠢ ᠳᠡᠯᠬᠡᠬᠦᠷ ᠪᠠᠶᠢᠭᠤᠯᠬᠤ ᠪᠠᠷ | ᠳᠠᠮᠵᠢᠭᠤᠯᠤᠨ᠂ ᠴᠢᠨᠠᠷ ᠰᠠᠶᠢᠳᠤ ᠦᠬᠡᠷ ᠮᠠᠯ ᠤᠨ ᠮᠢᠬ᠎ᠠ ᠴᠠᠭᠠᠨ ᠢᠳᠡᠬᠡᠨ ᠵᠡᠷᠬᠡ ᠮᠠᠯ ᠳᠠᠷᠢᠶᠠᠯᠠᠩ ᠤᠨ ᠰᠢᠯᠢᠳᠡᠭ | ᠪᠦᠳᠤᠬᠡᠭᠳᠡᠬᠦᠨ ᠢᠶᠠᠨ ᠪᠤᠷᠤᠯᠠᠭᠤᠯᠬᠤ ᠵᠠᠮ ᠮᠦᠷ ᠢ ᠳᠠᠰᠤᠷᠠᠯᠳᠠ ᠦᠬᠡᠢ ᠦᠷᠬᠡᠤᠨᠬᠡᠵᠤ᠂ ᠳᠤᠰ ᠵᠢᠯ ᠳᠤ ᠢᠨᠲ᠋ᠧᠷ | ᠰᠦᠯᠵᠢᠶᠠᠨ ᠳᠡᠬᠡᠷᠡᠬᠢ ᠪᠤᠷᠤᠯᠠᠭᠤᠯᠭ᠎ᠠ ᠶᠢᠨ ᠦᠷᠳᠡᠭ ᠢ 2.5 ᠳ᠋ᠦᠩᠰᠢᠭᠤᠷ ᠲᠦᠭᠦᠷᠢᠭ ᠬᠦᠷᠬᠡᠨ᠎ᠠ᠃ ᠡᠷᠡᠬᠦᠯᠵᠢᠯ | ᠰᠤᠪᠢᠯᠠᠯ ᠤᠨ ᠤᠶᠢᠯᠡᠰ ᠢ ᠳᠡᠮᠵᠢᠨ ᠪᠤᠵᠠᠭᠠᠶᠢᠷᠠᠭᠤᠯᠤᠨ᠎ᠠ᠃ ᠨᠠᠶᠢᠬᠡᠮ ᠤᠨ ᠬᠦᠴᠤᠨ ᠤ ᠡᠷᠡᠬᠦᠯᠵᠢᠯ ᠰᠤᠪᠢᠯᠠᠯ ᠤᠨ | ᠤᠶᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠶᠢ ᠳᠠᠮᠵᠢᠨ ᠵᠤᠷᠢᠭᠵᠢᠭᠤᠯᠵᠤ᠂ ᠨᠠᠰᠤᠵᠢᠯ᠂ ᠡᠷᠡᠬᠦᠯᠵᠢᠯ᠂ ᠰᠤᠪᠢᠯᠠᠯ | ᠂ ᠵᠢᠭᠤᠯᠴᠢᠯᠠᠯ ᠢ ᠢᠵᠢ ᠴᠤᠭᠴᠠᠵᠢᠭᠤᠯᠤᠭᠰᠡᠨ ᠨᠠᠰᠤᠵᠢᠯ ᠤᠨ ᠤᠶᠢᠯᠡᠴᠢᠯᠡᠬᠡᠨ ᠤ ᠤᠶᠢᠯᠡᠰ ᠢ ᠲᠦᠷᠬᠡᠤᠨᠬᠡᠨ | ᠬᠦᠭᠵᠢᠬᠦᠯᠵᠤ᠂ ᠠᠵᠠᠳᠠᠢ ᠡᠷᠡᠬᠦᠯᠵᠢᠯ ᠰᠤᠪᠢᠯᠠᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ | ᠵᠢᠯ ᠤᠨ ᠳᠤᠳᠤᠷ᠎ᠠ ᠳᠡᠬᠦᠰᠬᠡᠨ᠂ ᠬᠤᠰᠢᠭᠤ ᠮᠤᠩᠭᠤᠯ ᠡᠮᠨᠡᠯᠬᠡ ᠶᠢᠨ ᠬᠤᠷᠢᠶ᠎ᠠ ᠪᠤᠯᠤᠨ ᠠᠵᠠᠳᠠᠢ ᠡᠷᠡᠬᠦᠯᠵᠢᠯ | ᠰᠤᠪᠢᠯᠠᠯ ᠤᠨ ᠬᠦᠷᠢᠶᠡᠯᠡᠩ ᠤᠨ ᠬᠦᠨᠵᠡᠬᠡᠢ ᠬᠠᠮᠳᠤᠷᠠᠯᠴᠠᠭ᠎ᠠ ᠶᠢ ᠢᠳᠡᠪᠬᠢᠳᠠᠢ ᠠᠬᠢᠭᠤᠯᠵᠤ᠂ ᠦᠪᠡᠷᠳᠡᠭᠡᠨ ᠵᠠᠰᠠᠬᠤ | ᠤᠷᠤᠨ ᠤ ᠳᠡᠰ ᠤᠨ ᠡᠮᠨᠡᠬᠦ ᠰᠤᠪᠢᠯᠠᠬᠤ ᠶᠢ ᠤᠶᠠᠯᠳᠤᠭᠤᠯᠤᠭᠰᠡᠨ ᠠᠵᠤ ᠤᠶᠢᠯᠡᠰ ᠤᠨ ᠳᠠᠭᠤᠷᠢᠶᠠᠯ ᠬᠦᠷᠢᠶᠡᠯᠡᠩ | ᠳᠤᠭᠤᠷᠢᠭ ᠢ ᠴᠤᠭᠴᠠᠯᠠᠨ᠎ᠠ᠃ | ︵ᠳᠠᠪᠤ︶ ᠰᠠᠭᠤᠷᠢ ᠪᠠᠳᠤᠯᠠᠭ᠎ᠠ ᠶᠢ ᠴᠢᠩᠭᠠᠤᠨᠬᠠᠵᠤ᠂ ᠬᠦᠭᠵᠢᠯᠳᠠ ᠶᠢᠨ ᠲᠣᠲᠠᠭᠤᠳᠠᠯ ᠢᠶᠠᠨ ᠨᠦᠬᠦᠪᠤᠷᠢᠯᠡᠨ | ᠂ ᠠᠵᠤ ᠠᠬᠤᠢ ᠨᠠᠶᠢᠬᠡᠮ ᠤᠨ ᠵᠤᠬᠢᠴᠠᠩᠭᠤᠢ ᠬᠦᠭᠵᠢᠯᠳᠠ ᠶᠢ ᠠᠬᠢᠭᠤᠯᠤᠨ᠎ᠠ᠃ ᠳᠤᠯᠢ ᠠᠴᠠ ᠱᠠᠩᠬᠠᠢ ᠶᠢᠨ ᠰᠦᠮ᠎ᠠ | ᠬᠦᠷᠬᠦ ᠳᠡᠮᠤᠷ ᠵᠠᠮ ᠤᠨ ᠤᠯᠵᠠᠴᠢ ᠠᠴᠠ ᠱᠠᠩᠬᠠᠢ ᠶᠢᠨ ᠰᠦᠮ᠎ᠠ ᠬᠦᠷᠬᠦ ᠬᠡᠰᠡᠭ᠂ ᠤᠯᠵᠠᠴᠢ ᠠᠴᠠ ᠳ᠋ᠦᠩ ᠳ᠋ᠤᠤ | ᠯᠢᠶᠠᠩ ᠬᠦᠷᠬᠦ ᠲᠦᠷᠬᠡᠨ ᠵᠠᠮ ᠤᠨ ᠪᠠᠶᠢᠭᠤᠯᠣᠯᠳᠠ ᠶᠢᠨ ᠠᠬᠢᠴᠠ ᠶᠢ ᠲᠦᠷᠬᠡᠳᠭᠡᠨ᠂ ᠵᠢᠯ ᠤᠨ ᠳᠤᠳᠤᠷ᠎ᠠ ᠲᠡᠷᠭᠡ | ᠨᠡᠪᠳᠡᠷᠡᠬᠦ ᠨᠦᠬᠦᠴᠡᠯ ᠪᠦᠷᠢᠳᠦᠭᠦᠯᠦᠨ᠎ᠡ᠃ 4 ᠰᠠᠷ᠎ᠠ ᠠᠴᠠ ᠡᠮᠦᠨ᠎ᠡ S216 ᠱᠤᠭᠤᠮ ᠤᠨ ᠤᠯᠵᠠᠴᠢ ᠠᠴᠠ | ᠵᠠᠩᠭᠤᠳᠤ ᠬᠦᠷᠬᠦ ᠬᠡᠰᠡᠭ ᠤᠨ ᠦᠬᠡᠷᠡᠴᠢᠯᠡᠨ ᠵᠠᠰᠠᠬᠤ ᠲᠦᠷᠤᠯ ᠵᠦᠢᠯ ᠢ ᠡᠬᠢᠯᠡᠨ ᠪᠠᠶᠢᠭᠤᠯᠵᠣ᠂ ᠲᠣᠰ ᠵᠢᠯ ᠳᠤ | S317 ᠱᠤᠭᠤᠮ ᠤᠨ ᠤᠯᠵᠠᠴᠢ ᠠᠴᠠ ᠳᠤᠯᠢ ᠬᠦᠷᠬᠦ ᠨᠢᠬᠡᠳᠤᠬᠡᠷ ᠲᠡᠰ ᠤᠨᠵᠠᠰᠠᠮᠠᠯ ᠵᠠᠮ ᠢ ᠦᠭᠡᠷᠡᠴᠢᠯᠡᠬᠦ ᠲᠦᠷᠦᠯ | ᠵᠣᠶᠢᠯ ᠡᠬᠢᠯᠡᠬᠦᠯᠬᠦ ᠪᠠᠷ ᠴᠢᠷᠮᠠᠶᠢᠨ᠂ ᠲᠣᠳᠣᠨ᠎ᠠ ᠭᠠᠳᠠᠨ᠎ᠠ ᠶᠢ ᠬᠤᠯᠪᠣᠵᠣ᠂ ᠵᠠᠩᠭᠢᠯᠠᠭ᠎ᠠ ᠶᠢ ᠨᠡᠪᠳᠡᠷᠡᠭᠦᠯᠦᠨ᠂ | ᠲᠦᠷᠪᠡᠨ ᠵᠦᠭ ᠨᠠᠢᠮᠠᠨ ᠵᠣᠪᠬᠢᠰ ᠲᠤ ᠨᠡᠪᠳᠡᠷᠡᠭᠰᠡᠨ ᠣᠷᠣᠨ ᠤ ᠬᠡᠪᠴᠢᠶᠡᠨ ᠤ ᠵᠠᠰᠠᠮᠠᠯ ᠵᠠᠮ ᠤᠨ ᠲᠣᠣᠷᠵᠢᠯ ᠢ | ᠪᠦᠷᠢᠯᠳᠦᠭᠦᠯᠦᠨ᠎ᠡ᠃ ᠨᠢᠰᠭᠡᠯ ᠤᠨ ᠪᠠᠭᠤᠳᠠᠯ ᠤᠨ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠵᠣ᠂ ᠣᠯᠵᠠᠴᠢ | ᠪᠠᠯᠭᠠᠰᠦ ᠪᠣᠯᠣᠨ ᠪᠣᠷᠣᠪᠠᠯᠭᠠᠰᠦ ᠶᠢᠨ 2 ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠠᠰᠢᠭᠯᠠᠯᠳᠡ ᠳᠤ | ᠣᠷᠣᠭᠤᠯᠬᠤ ᠶᠢ ᠪᠠᠳᠣᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠳᠠ | ᠪᠠᠨ ᠦᠷᠭᠦᠯᠵᠢᠯᠡᠨ ᠶᠡᠬᠡᠳᠬᠡᠵᠣ᠂ ᠠᠶᠢᠯ ᠲᠣᠰᠬᠤᠨ ᠤ ᠲᠣᠭᠤᠷᠢᠯ ᠵᠠᠮ ᠲᠣᠣᠷᠵᠢᠯ ᠢ ᠲᠡᠭᠦᠯᠳᠡᠷᠵᠢᠭᠦᠯᠦᠨ᠂ ᠰᠢᠨ᠎ᠡ | ᠪᠠᠷ 18 ᠵᠣᠷᠪᠣᠰ 133 ᠺᠢᠯᠤᠮᠧᠲᠷ ᠬᠦᠳᠡᠭᠡ ᠶᠢᠨ ᠵᠠᠰᠠᠮᠠᠯ ᠵᠠᠮ ᠵᠠᠰᠠᠨ᠎ᠠ᠃ ᠬᠦᠷᠢᠶᠡᠯᠡᠩ ᠲᠣᠭᠤᠷᠢᠭ ᠤᠨ | ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠣᠯᠠᠮ ᠲᠡᠭᠦᠯᠳᠡᠷᠵᠢᠭᠦᠯᠵᠣ᠂ ᠱᠠᠩᠬᠠᠢ ᠶᠢᠨ ᠰᠦᠮ᠎ᠠ ᠠᠴᠠ ᠱᠧᠩ | ᠯᠤ᠋ ᠴᠠᠬᠢᠯᠭᠠᠨ ᠤᠶᠢᠯᠡᠤᠨᠪᠤᠷᠢ ᠬᠦᠷᠬᠦ ᠬᠦᠨᠳᠤ ᠠᠴᠢᠶᠠᠯᠠᠪᠤᠷᠢ ᠶᠢᠨ ᠵᠠᠰᠠᠮᠠᠯ ᠵᠠᠮ᠂ ᠱᠠᠩᠬᠠᠢ ᠶᠢᠨ ᠰᠦᠮ᠎ᠠ ᠠᠴᠠ | ᠨᠢᠩᠰᠢᠶᠠ ᠶᠢᠨ 203 ᠮᠣᠵᠢ ᠶᠢᠨ ᠵᠠᠮ ᠬᠦᠷᠬᠦ ᠬᠤᠯᠪᠣᠬᠤ ᠱᠣᠭᠤᠮ ᠢ ᠪᠠᠶᠢᠭᠤᠯᠤᠨ ᠳᠡᠷᠬᠡ ᠨᠡᠪᠳᠡᠷᠡᠵᠣ᠂ | ᠬᠡᠤᠷᠡᠰᠤᠨ ᠰᠢᠭᠠᠷᠤ ᠶᠢᠨ ᠳᠠᠯᠠᠪᠠᠢ᠂ ᠠᠶᠤᠯᠳᠠᠢ ᠬᠠᠶᠠᠭᠳᠠᠮᠠᠯ ᠪᠤᠳᠠᠰ ᠢ ᠰᠢᠢᠤᠨᠪᠤᠷᠢᠯᠡᠬᠦ ᠲᠦᠪ ᠢ ᠡᠬᠢᠯᠡᠨ | ᠪᠠᠶᠢᠭᠤᠯᠵᠣ᠂ ᠪᠦᠬᠦ ᠬᠦᠴᠦᠨ ᠢᠶᠠᠷ ᠢᠶᠠᠨ ᠲᠦᠷᠦᠯ ᠵᠣᠶᠢᠯ ᠤᠨ ᠣᠷᠣᠨᠵᠢᠯᠳᠡ ᠳᠤ ᠨᠦᠭᠦᠴᠡᠯ ᠡᠭᠦᠳᠦᠨ᠎ᠡ᠃ | ᠭᠤᠤᠯᠳᠠᠯᠭᠠᠳᠤ ᠭᠠᠴᠠᠭ᠎ᠠ ᠳᠤᠰᠬᠤᠨ ᠳᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠬᠦᠯᠤᠨ᠂ ᠴᠠᠬᠢᠯᠭᠠᠨ ᠲᠣᠬᠢᠷᠠᠭᠤᠯᠬᠤ ᠲᠣᠣᠷ ᠤᠨ ᠪᠠᠶᠢᠭᠤᠯᠤᠯᠳᠠ ᠦᠬᠡᠷᠡᠴᠢᠯᠠᠯᠳᠠ ᠶᠢ ᠡᠬᠢᠯᠡᠬᠦᠯᠵᠤ᠂ | ᠰᠢᠨ᠎ᠡ ᠪᠠᠷ ᠠᠷᠯᠠᠢ᠂ ᠬᠤᠯᠣᠰᠣᠨᠨᠠᠭᠤᠷ᠂ ᠲᠣᠯᠢ ᠵᠡᠷᠭᠡ ᠲᠠᠪᠣᠨ 35 ᠺᠢᠯᠤᠸᠤᠯᠲ ᠤᠨ ᠴᠠᠬᠢᠯᠭᠠᠨ ᠬᠤᠪᠢᠰᠬᠠᠬᠤ | ᠢᠨᠵᠧᠨᠧᠷᠢᠩ ᠢ ᠪᠠᠶᠢᠭᠤᠯᠵᠤ᠂ 10 ᠺᠢᠯᠤᠸᠤᠯᠲ ᠠᠴᠠ ᠲᠡᠭᠡᠭᠰᠢᠬᠢ ᠴᠠᠬᠢᠯᠭᠠᠨ ᠲᠠᠮᠵᠢᠭᠤᠯᠬᠤ ᠱᠣᠭᠤᠮ ᠢ 366 | ᠺᠢᠯᠣᠮᠧᠲᠷ ᠲᠠᠳᠠᠵᠣ᠂ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠯᠳᠠ ᠶᠢᠨ ᠪᠠᠳᠤᠯᠠᠭᠠᠳᠤ ᠴᠢᠨᠠᠷ ᠢ | ᠦᠨᠡᠨ ᠬᠦ ᠴᠢᠩᠭᠠᠤᠨᠬᠠᠨ᠎ᠠ᠃ ᠠᠮᠢ ᠠᠬᠤᠢ ᠶᠢᠨ ᠬᠠᠮᠠᠭᠠᠯᠠᠯᠳᠠ ᠪᠠᠶᠢᠭᠤᠯᠤᠯᠳᠠ ᠶᠢᠨ ᠬᠦᠴᠤᠯᠡᠴᠠ ᠪᠠᠨ | ᠶᠡᠬᠡᠤᠨᠬᠡᠵᠤ᠂ ᠤᠯᠤᠰ ᠤᠨ ᠰᠢᠨ᠎ᠠ ᠡᠬᠡᠯᠵᠢ ᠶᠢᠨ ᠨᠤᠳᠤᠭ ᠪᠡᠯᠴᠢᠬᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ | ᠶᠢᠨ ᠲᠦᠷᠤ ᠶᠢᠨ ᠪᠤᠳᠤᠯᠭ᠎ᠠ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠣ᠂ ᠤᠢ ᠰᠢᠭᠤᠢ ᠶᠢᠨ ᠠᠮᠢ ᠠᠬᠤᠢ ᠶᠢᠨ | ᠪᠠᠶᠢᠭᠤᠯᠤᠯᠳᠠ ᠶᠢᠨ ᠢᠨᠵᠧᠨᠧᠷᠢᠩ ᠢ 11.9 ᠲᠦᠮᠡᠨ ᠮᠤ᠋ ᠪᠡᠶᠡᠯᠡᠬᠦᠯᠵᠤ᠂ 85 ᠲᠦᠮᠡᠨ ᠮᠤ᠋ ᠨᠤᠳᠤᠭ ᠪᠡᠯᠴᠢᠬᠡᠷ ᠢ | ᠪᠦᠲᠦᠭᠡᠨ ᠪᠠᠶᠢᠭᠤᠯᠤᠨ᠎ᠠ︔ ︽ᠪᠦᠬᠦ ᠠᠷᠠᠳ ᠢᠶᠠᠷ ᠢᠶᠠᠨ ᠠᠯᠪᠠᠨ ᠵᠢᠷᠣᠮ ᠤᠨ ᠮᠣᠳᠣ ᠲᠠᠷᠢᠬᠤ︾᠂ ︽ | ᠦᠵᠡᠰᠭᠦᠯᠡᠩᠳᠦ ᠬᠦᠳᠡᠭᠡ ᠨᠣᠳᠤᠭ ᠢ ᠣᠶᠢᠵᠢᠭᠤᠯᠬᠤ︾ ᠵᠡᠷᠭᠡ ᠢᠨᠵᠧᠨᠧᠷᠢᠩ ᠢ ᠰᠠᠶᠢᠳᠦᠷ ᠵᠣᠬᠢᠶᠠᠨ ᠪᠠᠶᠢᠭᠤᠯᠵᠣ᠂ | ᠪᠦᠬᠦ ᠵᠠᠰᠠᠭ ᠵᠠᠬᠢᠷᠭᠠᠨ ᠤ ᠭᠠᠴᠠᠭ᠎ᠠ ᠳᠤᠰᠬᠤᠨ ᠪᠠ 70% ᠶᠢᠨ ᠬᠠᠷᠢᠴᠠᠩᠭᠤᠢ ᠶᠡᠭᠡ ᠪᠠᠭ ᠤᠳ ᠢ | ᠣᠶᠢᠵᠢᠭᠤᠯᠣᠨ᠎ᠠ᠃ ᠣᠰᠣᠨ ᠡᠬᠢ ᠰᠣᠷᠪᠣᠯᠵᠢ ᠪᠠᠷ ᠨᠡᠭᠡᠭᠡᠯᠳᠡ ᠶᠢ ᠲᠣᠭᠳᠠᠭᠠᠬᠤ ᠲᠦᠷᠦ ᠶᠢᠨ ᠪᠣᠳᠣᠯᠭ᠎ᠠ ᠶᠢ | ᠭᠤᠶᠢᠪᠠᠰᠢ ᠦᠭᠡᠢ ᠪᠠᠷᠢᠮᠳᠠᠯᠠᠵᠣ᠂ ᠪᠡᠯᠴᠢᠬᠡᠷᠯᠡᠬᠦᠯᠬᠦ ᠶᠢ ᠬᠤᠷᠢᠭᠯᠠᠬᠤ᠂ ᠰᠡᠯᠬᠦᠨ ᠮᠠᠯᠵᠢᠬᠤ᠂ ᠪᠠᠯᠴᠢᠬᠡᠷ ᠤᠨ | ᠪᠠᠭᠳᠠᠭᠠᠮᠵᠢ ᠪᠠᠷ ᠮᠠᠯ ᠤᠨ ᠳᠤᠭ᠎ᠠ ᠳᠤᠯᠤᠭᠠᠢ ᠳᠤᠭᠳᠠᠭᠠᠬᠤ ᠶᠢ ᠴᠢᠩᠭ᠎ᠠ ᠬᠡᠷᠡᠭᠵᠢᠬᠦᠯᠤᠨ᠂ ᠠᠳᠠᠷ ᠬᠠᠭᠠᠯᠪᠤᠷᠢᠯᠠᠨ | ᠤᠰᠤᠯᠠᠯᠳᠠ ᠶᠢ ᠦᠷᠬᠡᠳᠬᠡᠬᠦ ᠶᠢ ᠡᠷᠡᠰ ᠴᠠᠭᠠᠵᠠᠯᠠᠵᠤ᠂ ᠠᠮᠢ ᠠᠬᠤᠢ ᠶᠢᠨ ᠲᠦᠭᠰᠢᠬᠦᠷᠢᠳᠤ ᠬᠢᠵᠠᠭᠠᠷ ᠢ ᠪᠠᠳᠤ | ᠰᠠᠬᠢᠨ᠎ᠠ᠃ | ︵ᠵᠢᠷᠭᠤᠭ᠎ᠠ︶ ᠤᠨᠴᠠᠯᠢᠭ ᠢ ᠱᠤᠭᠤᠨ᠂ ᠬᠡᠪ ᠴᠢᠨᠰᠠᠭᠠᠳᠤ ᠬᠤᠳᠠ ᠪᠠᠯᠭᠠᠰᠤ ᠶᠢ ᠪᠠᠶᠢᠭᠤᠯᠤᠨ᠂ ᠠᠵᠢᠯᠯᠠᠵᠣ | ᠰᠠᠭᠤᠷᠢᠰᠢᠬᠤ ᠳᠤ ᠳᠤᠬᠢᠷᠠᠮᠵᠢᠳᠠᠢ ᠤᠷᠴᠢᠨ ᠳᠤᠭᠤᠷᠢᠨ ᠢ ᠪᠦᠷᠢᠯᠳᠤᠬᠦᠯᠤᠨ᠎ᠠ᠃ ᠭᠠᠵᠠᠷ ᠳᠤᠤᠷᠠᠬᠢ ᠤᠷᠤᠨ ᠵᠠᠢ | ᠶᠢᠨ ᠨᠡᠬᠡᠬᠡᠯᠲᠡ ᠶᠢᠨ ᠨᠦᠬᠡᠴᠠ ᠬᠦᠴᠤᠨ ᠢ ᠠᠭᠤᠲᠠᠯᠠᠵᠣ᠂ ᠤᠯᠵᠠᠴᠢ ᠶᠢᠨ ᠭᠠᠵᠠᠷ ᠳᠤᠤᠷᠠᠬᠢ ᠳᠤᠤᠷ ᠬᠤᠭᠤᠯᠠᠢ | ᠶᠢᠨ ᠪᠠᠶᠢᠭᠤᠯᠤᠯᠳᠠ ᠶᠢ ᠴᠢᠩᠭᠠᠤᠨᠬᠠᠨ᠂ ᠬᠤᠳᠠ ᠶᠢᠨ ᠵᠠᠮ ᠵᠡᠬᠡᠯᠢ ᠶᠢ ᠳᠡᠰ ᠲᠡᠪᠰᠢᠬᠦᠯᠬᠦ ᠦᠬᠡᠷᠡᠴᠢᠯᠠᠯᠳᠠ᠂ | ᠪᠤᠬᠢᠷ ᠤᠰᠤ ᠰᠢᠢᠤᠨᠪᠤᠷᠢᠯᠡᠬᠦ ᠤᠶᠢᠯᠡᠤᠨᠪᠤᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠬᠦ ᠦᠬᠡᠷᠡᠴᠢᠯᠠᠯᠳᠠ ᠪᠠ ᠬᠤᠳᠠ ᠶᠢᠨ | ᠬᠠᠭᠤᠴᠢᠨ ᠬᠡᠷ ᠪᠠᠶᠢᠰᠢᠩ ᠤᠨ ᠦᠬᠡᠷᠡᠴᠢᠯᠠᠯᠳᠠ ᠶᠢᠨ ᠡᠬᠦᠷᠬᠡ ᠶᠢ ᠪᠠᠶᠠᠯᠡᠬᠦᠯᠵᠤ᠂ ᠤᠯᠵᠠᠴᠢ ᠶᠢᠨ ᠲᠣᠭᠤᠷᠢᠯ ᠵᠠᠮ | ᠢ ᠨᠡᠪᠳᠡᠷᠡᠬᠦᠯᠤᠨ᠂ ᠲᠦᠪ ᠬᠤᠳᠠ ᠪᠠᠯᠭᠠᠰᠤ ᠶᠢᠨ ᠠᠴᠢᠶᠠᠯᠠᠬᠤ ᠴᠢᠳᠠᠪᠤᠷᠢ ᠶᠢ ᠦᠨᠡᠨ ᠭᠦ ᠳᠡᠬᠡᠭᠰᠢᠯᠡᠬᠦᠯᠵᠤ᠂ | ᠤᠯᠵᠠᠴᠢ ᠶᠢᠨ ᠬᠤᠳᠠ ᠶᠢᠨ ᠳᠤᠭᠤᠷᠢᠭ ᠲᠤ ᠨᠤᠭᠤ ᠭᠠᠵᠠᠷ ᠤᠨ ᠤᠰᠤᠨ ᠰᠢᠰᠲ᠋ᠧᠮ᠂ ᠣᠶᠢᠵᠢᠭᠤᠯᠣᠯᠲᠠ | ᠴᠡᠴᠡᠷᠯᠢᠭᠵᠢᠬᠦᠯᠬᠡ ᠶᠢᠨ ᠰᠢᠰᠲ᠋ᠧᠮ᠂ ᠦᠵᠡᠮᠵᠢ ᠶᠢᠨ ᠵᠠᠩᠬᠢᠯᠠᠭ᠎ᠠ ᠶᠢᠨ ᠰᠢᠰᠲ᠋ᠧᠮ ᠢ ᠲᠦᠯᠦᠪᠵᠢᠬᠦᠯᠤᠨ ᠪᠠᠶᠢᠭᠤᠯᠵᠣ | ᠂ ᠬᠤᠳᠠ ᠶᠢᠨ ᠴᠡᠪᠡᠷᠰᠢᠬᠦᠯᠣᠭ᠍ᠰᠡᠨ ᠤᠰᠤ ᠶᠢ ᠳᠠᠬᠢᠨ ᠠᠰᠢᠭᠯᠠᠬᠤ ᠢᠨᠵᠧᠨᠧᠷᠢᠩ ᠢ ᠬᠡᠷᠡᠭᠵᠢᠬᠦᠯᠵᠤ᠂ ᠤᠢ | ᠴᠡᠴᠡᠷᠯᠢᠭ ᠲᠠᠢ᠂ ᠨᠠᠭᠤᠷ ᠪᠦᠷᠢᠳᠣ ᠲᠠᠢ ᠬᠤᠳᠠ ᠶᠢᠨ ᠠᠮᠢ ᠠᠬᠤᠢ ᠶᠢ ᠪᠦᠷᠢᠯᠳᠤᠬᠦᠯᠤᠨ᠂ ᠤᠯᠤᠰ ᠤᠨ | ᠴᠡᠴᠡᠷᠯᠢᠭᠵᠢᠬᠦᠯᠬᠡ ᠶᠢᠨ ᠬᠤᠳᠠ ᠪᠠᠯᠭᠠᠰᠤ᠂ ᠬᠤᠶᠠᠷ ᠢ ᠬᠦᠷᠢᠶᠡᠯᠡᠭᠦ ᠵᠢᠱᠢᠶᠡᠴᠢ ᠬᠤᠰᠢᠭᠤ ᠪᠠ ᠪᠦᠬᠦ ᠤᠯᠤᠰ ᠤᠨ | ᠰᠢᠶᠠᠨ ᠤ ᠳᠡᠰ ᠤᠨ ᠪᠤᠯᠪᠠᠰᠤᠨ ᠬᠤᠳᠠ ᠶᠢ ᠠᠮᠵᠢᠯᠳᠠ ᠲᠠᠢ ᠴᠣᠭᠴᠠᠯᠠᠨ᠎ᠠ︔ ᠳ᠋ᠠᠶᠢᠲ᠋ᠠ ᠲᠦᠪ ᠤᠨ ᠪᠠᠶᠢᠭᠤᠯᠤᠯᠳᠠ | ᠶᠢ ᠤᠯᠠᠮ ᠨᠢᠬᠡ ᠠᠯᠬᠤᠮ ᠲᠦᠷᠬᠡᠤᠨᠬᠡᠨ᠂ ᠬᠤᠳᠠ ᠶᠢᠨ ᠡᠯ᠎ᠡ ᠲᠦᠷᠦᠯ ᠤᠨ ᠰᠤᠷᠠᠭ ᠵᠠᠩᠬᠢ ᠶᠢᠨ ᠡᠬᠢ ᠰᠤᠷᠪᠤᠯᠵᠢ | ᠶᠢ ᠨᠡᠶᠢᠳᠬᠡᠵᠣ᠂ ᠲᠦᠷᠢᠮᠵᠢᠭᠰᠡᠨ ᠪᠠᠷᠢᠮᠵᠢᠶᠠᠴᠢᠯᠠᠭᠰᠡᠨ ᠬᠤᠳᠠ ᠶᠢᠨ ᠰᠤᠷᠠᠭ ᠵᠠᠩᠬᠢ ᠶᠢᠨ ᠰᠢᠰᠲ᠋ᠧᠮ ᠪᠠᠶᠢᠭᠤᠯᠤᠨ᠂ | ᠬᠠᠮ ᠤᠶᠢᠯᠡᠴᠢᠯᠡᠭᠡ ᠶᠢᠨ ᠲᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠵᠤ᠂ ᠡᠯᠧᠺᠲᠷᠣᠨ ᠵᠠᠰᠠᠭ ᠤᠨ ᠶᠠᠪᠤᠳᠠᠯ᠂ | ᠨᠠᠶᠢᠬᠡᠮ ᠳᠤᠭᠤᠷᠢᠭ ᠤᠨ ᠤᠶᠢᠯᠡᠴᠢᠯᠡᠭᠡ᠂ ᠬᠤᠳᠠ ᠪᠠᠯᠭᠠᠰᠤ ᠶᠢᠨ ᠬᠠᠮᠢᠶᠠᠷᠤᠯᠳᠠ᠂ ᠰᠤᠷᠭᠠᠨ ᠬᠦᠮᠤᠵᠢᠯ ᠡᠮ | ᠡᠮᠴᠢᠯᠡᠭᠡ᠂ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠣᠯᠲᠠ ᠵᠡᠷᠬᠡ ᠶᠢ ᠦᠨᠳᠤᠷ ᠪᠦᠳᠤᠮᠵᠢ ᠲᠠᠢ ᠪᠠᠷ | ᠠᠵᠢᠯᠯᠠᠭᠤᠯᠤᠨ᠂ ᠬᠤᠳᠠ ᠪᠠᠯᠭᠠᠰᠣᠨ ᠤ ᠲᠣᠭᠠᠴᠠᠯᠠᠭᠰᠠᠨ᠂ ᠣᠶᠣᠨᠴᠢᠯᠠᠭᠰᠠᠨ ᠬᠠᠮᠢᠶᠠᠷᠣᠯᠳᠠ ᠶᠢ ᠪᠡᠶᠡᠯᠡᠭᠦᠯᠦᠨ᠎ᠡ᠃ | ᠣᠯᠣᠰ ᠠᠴᠠ ᠣᠨᠴᠠᠯᠢᠭᠳᠦ ᠵᠢᠵᠢᠭ ᠪᠠᠯᠭᠠᠰᠣ ᠶᠢ ᠪᠣᠶᠢᠵᠠᠭᠤᠯᠣᠨ ᠪᠠᠶᠢᠭᠤᠯᠵᠣ ᠪᠠᠶᠢᠭ᠎ᠠ ᠲᠣᠬᠢᠶᠠᠯ ᠢ ᠡᠵᠡᠮᠳᠠᠨ᠂ ︽ | ᠰᠠᠭᠤᠷᠢᠰᠢᠬᠤ ᠳᠤ ᠲᠣᠬᠢᠷᠠᠮᠵᠢᠳᠠᠢ᠂ ᠠᠵᠢᠯᠯᠠᠬᠤ ᠳᠤ ᠲᠣᠬᠢᠷᠠᠮᠵᠢᠳᠡᠢ᠂ ᠵᠢᠭᠤᠯᠴᠢᠯᠠᠬᠤ ᠳᠤ ᠲᠣᠬᠢᠷᠠᠮᠵᠢᠳᠠᠢ︾ | ᠱᠠᠭᠠᠷᠳᠠᠯᠭ᠎ᠠ ᠶᠣᠰᠣᠭᠠᠷ ᠣᠨᠴᠠᠯᠢᠭᠳᠦ ᠵᠢᠵᠢᠭ ᠬᠤᠳᠠ ᠪᠠᠯᠭᠠᠰᠣᠨ ᠤ ᠪᠠᠶᠢᠭᠤᠯᠣᠯᠳᠠ ᠶᠢ ᠲᠦᠷᠭᠡᠳᠬᠡᠵᠣ᠂ ᠡᠨᠡ | ᠵᠢᠯ ᠪᠣᠷᠣᠪᠠᠯᠭᠠᠰᠦ ᠪᠠᠷ ᠭᠤᠣᠯ ᠪᠣᠯᠭᠠᠨ᠂ ᠬᠤᠪᠢᠰᠬᠠᠯᠳᠦ ᠬᠦᠮᠦᠵᠢᠯ ᠵᠢᠭᠤᠯᠴᠢᠯᠠᠯ ᠢ ᠴᠢᠬᠤᠯᠠᠴᠢᠯᠠᠵᠣ᠂ ᠰᠣᠶᠣᠯ | ᠤᠨ ᠨᠡᠷᠡᠳᠦ ᠲᠡᠮᠳᠡᠭ ᠢ ᠡᠭᠦᠳᠦᠨ᠂ ᠠᠮᠢ ᠠᠬᠤᠶᠢᠴᠢ ᠵᠠᠮ ᠢᠶᠠᠷ ᠵᠠᠮᠨᠠᠵᠣ᠂ ︽ᠦᠪᠡᠷᠮᠢᠴᠡ ᠣᠨᠴᠠᠯᠢᠭ ᠲᠠᠢ᠂ | ᠲᠣᠬᠢᠯᠢᠭ ᠰᠠᠶᠢᠬᠠᠨ︾ ᠵᠢᠵᠢᠭ ᠪᠠᠯᠭᠠᠰᠣ ᠶᠢ ᠪᠠᠶᠢᠭᠤᠯᠣᠨ᠎ᠠ᠃ | ︵ᠲᠣᠯᠤᠭ᠎ᠠ︶ ᠴᠢᠯᠦᠭᠡᠳᠡᠢ ᠶᠠᠪᠣᠯᠴᠠᠨ ᠰᠢᠨᠡᠴᠢᠯᠡᠯᠳᠠ ᠬᠢᠬᠦ ᠶᠢ ᠭᠦᠨᠵᠡᠭᠡᠶᠢᠷᠡᠭᠦᠯᠦᠨ᠂ ᠴᠢᠳᠠᠮᠵᠢ ᠶᠢᠨ | ᠬᠤᠪᠢᠷᠠᠭᠤᠯᠣᠯᠳᠠ ᠶᠢ ᠠᠬᠢᠭᠤᠯᠣᠨ ᠬᠦᠭᠵᠢᠯᠳᠠ ᠶᠢᠨ ᠠᠮᠢᠵᠢᠷᠠᠯ ᠤᠨ ᠬᠦᠴᠦᠨ ᠢ ᠲᠠᠰᠣᠷᠠᠯᠳᠠ ᠦᠭᠡᠢ | ᠨᠡᠮᠡᠭᠳᠡᠭᠦᠯᠦᠨ᠎ᠡ᠃ ᠦᠭᠡᠷᠡᠴᠢᠯᠡᠯᠳᠡ ᠪᠠᠷ ᠣᠷᠴᠢᠨ ᠠᠬᠤᠢ ᠶᠢ ᠰᠢᠯᠢᠳᠡᠭᠵᠢᠭᠦᠯᠬᠦ ᠠᠮᠢᠳᠣᠯᠢᠭ ᠬᠦᠴᠦᠨ ᠢ | ᠬᠦᠭᠵᠢᠭᠡᠬᠦ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠵᠣ᠂ ᠬᠡᠯᠪᠡᠷᠢ ᠶᠢ ᠬᠤᠪᠢᠷᠠᠭᠤᠯᠬᠤ ᠬᠦᠭᠵᠢᠬᠦᠯᠤᠯᠳᠠ ᠶᠢ | ᠪᠠᠳᠤᠯᠠᠬᠤ ᠬᠠᠳᠠᠭᠤ ᠵᠦᠬᠡᠯᠡᠨ ᠳᠤᠨᠤᠭᠯᠠᠯ ᠤᠨ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠵᠤ᠂ ᠭᠠᠵᠠᠷ ᠤᠷᠤᠨ | ᠤ ᠦᠬᠡᠷᠡᠴᠢᠯᠠᠯᠳᠠ ᠬᠦᠭᠵᠢᠯᠳᠠ ᠶᠢ ᠠᠬᠢᠭᠤᠯᠤᠨ ᠰᠢᠨ᠎ᠠ ᠰᠢᠪᠳᠤᠯᠤᠯᠳᠠ ᠭᠠᠷᠭᠠᠨ᠎ᠠ᠃ ᠭᠤᠣᠯᠳᠠᠯᠭᠠᠳᠦ ᠬᠦᠷᠢᠶ᠎ᠡ | ᠴᠠᠷᠠᠭ᠎ᠠ ᠪᠣᠯᠣᠨ ᠵᠠᠩᠭᠢᠯᠠᠭ᠎ᠠ ᠭᠤᠭᠴᠣᠭᠠᠨ ᠤ ᠦᠭᠡᠷᠡᠴᠢᠯᠡᠯᠳᠡ ᠶᠢ ᠲᠦᠷᠭᠡᠳᠬᠡᠨ᠎ᠡ᠃ ᠪᠠᠶᠢᠭᠠᠯᠢ ᠶᠢᠨ ᠡᠬᠢ | ᠰᠣᠷᠪᠣᠯᠵᠢ ᠶᠢᠨ ᠬᠤᠷᠣᠭᠳᠠᠯ ᠢ ᠬᠢᠨᠠᠨ ᠪᠣᠳᠣᠵᠣ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠪᠠᠶᠢᠭᠠᠯᠢ | ᠶᠢᠨ ᠡᠬᠢ ᠰᠣᠷᠪᠣᠯᠵᠢ ᠶᠢ ᠠᠷᠪᠢᠯᠠᠵᠣ ᠡᠷᠴᠢᠮᠵᠢᠭᠦᠯᠦᠭᠰᠡᠨ ᠠᠰᠢᠭᠯᠠᠯᠳᠠ ᠪᠣᠯᠣᠨ ᠠᠮᠢ ᠠᠬᠤᠢ ᠣᠷᠴᠢᠨ ᠤ ᠠᠮᠣᠷ | ᠲᠦᠪᠰᠢᠨ ᠢ ᠠᠬᠢᠭᠤᠯᠣᠨ᠎ᠠ︔ ᠵᠠᠬ᠎ᠠ ᠲᠡᠯᠭᠡᠭᠦᠷ ᠤᠨ ᠠᠮᠢᠳᠣᠯᠢᠭ ᠬᠦᠴᠦᠨ ᠪᠣᠯᠣᠨ ᠲᠣᠳᠣᠭᠠᠳᠦ ᠬᠦᠴᠦᠨ ᠢ | ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠵᠣ᠂ ︽ᠲᠠᠯᠪᠢᠬᠤ ᠬᠠᠮᠢᠶᠠᠷᠬᠤ ᠣᠶᠢᠯᠡᠴᠢᠯᠡᠬᠦ︾ ᠦᠭᠡᠷᠡᠴᠢᠯᠡᠯᠳᠡ ᠶᠢ | ᠦᠷᠭᠦᠯᠵᠢᠯᠡᠨ ᠭᠦᠨᠵᠡᠭᠡᠶᠢᠷᠡᠭᠦᠯᠵᠣ᠂ ᠡᠷᠭᠡ ᠬᠠᠷᠢᠭᠤᠴᠠᠯᠭ᠎ᠠ ᠶᠢᠨ ᠲᠣᠳᠣᠷᠬᠠᠶᠢᠯᠠᠯ ᠢ ᠲᠡᠭᠦᠯᠳᠡᠷᠵᠢᠭᠦᠯᠦᠨ᠂ ᠨᠢᠭᠡ | ᠦᠷᠳᠡᠭᠡᠴᠢᠯᠡᠨ ᠭᠦᠢᠴᠡᠳᠬᠡᠬᠦ᠂ ᠣᠯᠠᠨ ᠦᠨᠡᠮᠯᠡᠯ ᠢ ᠬᠠᠮᠳᠣᠷᠠᠨ ᠭᠦᠢᠴᠡᠳᠬᠡᠬᠦ᠂ ᠣᠶᠢᠯᠠᠳᠪᠦᠷᠢ ᠬᠤᠳᠠᠯᠳᠣᠭᠠᠨ ᠤ | ᠲᠠᠩᠰᠠᠯᠠᠯᠳᠠ ᠶᠢᠨ ᠪᠦᠬᠦ ᠶᠠᠪᠣᠴᠠ ᠶᠢ ᠡᠯᠧᠺᠲᠷᠣᠨᠴᠢᠯᠡᠬᠦ ᠪᠠ ᠲᠠᠩᠰᠠᠯᠠᠯᠳᠠ ᠬᠠᠰᠣᠬᠤ ᠶᠢ ᠲᠦᠬᠦᠮᠴᠢᠯᠡᠬᠦ ᠶᠢ | ᠬᠡᠷᠡᠭᠵᠢᠭᠦᠯᠵᠣ᠂ ᠣᠴᠢᠷ ᠶᠠᠪᠣᠳᠠᠯ ᠪᠦᠳᠦᠭᠡᠬᠦ ᠳᠤ ᠦᠨᠡᠨ ᠬᠦ ᠲᠦᠭᠦᠮ ᠦᠵᠡᠭᠦᠯᠦᠨ᠎ᠡ︔ ᠰᠢᠨᠡᠴᠢᠯᠡᠯ ᠲᠠᠢ | ᠡᠮᠦᠨᠡᠳᠦ ᠣᠳᠤᠭ ᠤᠨ ᠪᠠᠶᠢᠭᠤᠯᠣᠯᠳᠠ ᠶᠢ ᠭᠦᠨᠵᠡᠭᠡᠢ ᠠᠬᠢᠭᠤᠯᠣᠨ᠎ᠠ᠃ᠰᠢᠨ᠎ᠡ ᠶᠢ ᠡᠭᠦᠳᠦᠨ ᠣᠶᠢᠯᠠᠰ ᠪᠣᠰᠬᠠᠬᠤ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠠᠰᠣᠷᠠᠯᠳᠡ ᠦᠭᠡᠢ ᠲᠡᠭᠦᠯᠳᠡᠷᠵᠢᠭᠦᠯᠵᠣ᠂ ᠰᠢᠨ᠎ᠡ ᠶᠢ ᠡᠭᠦᠳᠦᠨ | ᠣᠶᠢᠯᠠᠰ ᠪᠣᠰᠬᠠᠬᠤ ᠲᠠᠪᠴᠠᠩ ᠤᠨ ᠪᠠᠶᠢᠭᠤᠯᠣᠯᠳᠠ ᠶᠢ ᠠᠬᠢᠭᠤᠯᠵᠣ᠂ ᠨᠢᠭᠡ ᠪᠦᠯᠦᠭ ᠪᠠᠭ᠎ᠠ ᠵᠢᠵᠢᠭ ᠰᠢᠨᠵᠢᠯᠡᠭᠡ | ᠮᠡᠷᠭᠡᠵᠢᠯ ᠤᠨ ᠰᠢᠨᠡᠴᠢᠯᠡᠯ ᠤᠨ ᠠᠵᠣ ᠠᠬᠤᠶᠢᠯᠠᠯ᠂ ᠰᠢᠨᠡᠴᠢᠯᠡᠭᠴᠢᠳ ᠤᠨ ᠪᠦᠯᠬᠦᠮ ᠢ ᠪᠣᠶᠢᠵᠢᠭᠤᠯᠣᠨ᠂ ᠰᠣᠶᠣᠯ | ᠤᠨ ᠠᠵᠣ ᠣᠶᠢᠯᠠᠰ ᠤᠨ ᠬᠦᠷᠢᠶᠡᠯᠡᠩ ᠢ ᠦᠪᠡᠷᠳᠡᠭᠡᠨ ᠵᠠᠰᠠᠬᠤ ᠣᠷᠣᠨ ᠤ ᠲᠡᠰ ᠤᠨ ︽ᠬᠤᠣᠰ ᠪᠦᠳᠦᠭᠡᠯᠳᠡ︾ | ᠶᠢᠨ ᠲᠠᠭᠤᠷᠢᠶᠠᠯ ᠰᠠᠭᠤᠷᠢᠨ ᠪᠣᠯᠭᠠᠨ᠎ᠠ᠃ ︽ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠣᠰᠬᠠᠢ ᠲᠦᠷᠦᠯ ᠤᠨ | ᠲᠦᠯᠦᠪᠯᠡᠭᠡ︾ ᠶᠢ ᠡᠬᠢᠯᠡᠬᠦᠯᠵᠣ᠂ ᠣᠯᠣᠰ ᠠᠯᠣᠰᠯᠠᠭᠰᠠᠨ ᠠᠺᠠᠳᠧᠮᠢᠴᠢ ᠴᠢᠳᠠᠪᠦᠷᠢᠳᠠᠨ ᠤ ᠠᠵᠢᠯ ᠤᠨ ᠦᠷᠳᠡᠭᠡ᠂ | ᠮᠠᠯ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠲᠦᠭᠡᠮᠡᠯᠵᠢᠭᠦᠯᠬᠦ ᠲᠠᠭᠤᠷᠢᠶᠠᠯ ᠬᠦᠷᠢᠶᠡᠯᠡᠩ᠂ ᠣᠶᠢᠯᠠᠳᠪᠦᠷᠢ ᠶᠢᠨ | ᠬᠦᠴᠦᠨ ᠢ ᠠᠬᠢᠭᠤᠯᠬᠤ ᠲᠦᠪ ᠵᠡᠷᠭᠡ ᠠᠴᠢᠶᠠᠯᠠᠭᠴᠢ ᠶᠢ ᠲᠦᠰᠢᠭᠯᠡᠨ ᠨᠢᠭᠡ ᠪᠦᠯᠦᠭ ᠮᠠᠯ ᠲᠠᠷᠢᠶ᠋ᠯᠠᠩ ᠤᠨ | ᠰᠢᠨᠵᠢᠯᠡᠭᠡ ᠮᠡᠷᠭᠡᠵᠢᠯ ᠤᠨ ᠪᠡᠷᠬᠡ ᠶᠢ ᠰᠢᠢᠳᠪᠦᠷᠢᠯᠡᠬᠦ ᠲᠦᠷᠦᠯ ᠵᠣᠶᠢᠯ ᠢ ᠵᠣᠬᠢᠶᠠᠨ ᠪᠠᠶᠢᠭᠤᠯᠣᠨ ᠬᠡᠷᠡᠭᠵᠢᠭᠦᠯᠵᠣ᠂ | ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠲᠣᠨᠣᠭᠯᠠᠯ ᠤᠨ ᠲᠠᠯ᠎ᠠ ᠪᠠᠷ ᠰᠢᠨ᠎ᠡ ᠰᠢᠪᠳᠣᠯᠣᠯᠳᠠ ᠭᠠᠷᠭᠠᠨ᠎ᠠ︔ ︽ | ᠴᠠᠬᠢᠷᠮ᠎ᠠ ᠴᠢᠳᠠᠪᠦᠷᠢᠳᠠᠨ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠣ᠂ ᠠᠵᠣ ᠠᠬᠤᠶᠢᠯᠠᠯ ᠢᠶᠠᠷ ᠭᠤᠣᠯ ᠴᠣᠭᠴᠠ | ᠪᠣᠯᠭᠠᠭᠰᠠᠨ᠂ ᠠᠵᠣ ᠣᠶᠢᠯᠠᠰ ᠢᠶᠠᠷ ᠲᠣᠯᠣᠭᠠᠶᠢᠯᠠᠨ ᠲᠠᠭᠠᠭᠤᠯᠣᠭᠰᠠᠨ ᠴᠢᠳᠠᠪᠦᠷᠢᠳᠠᠨ ᠢ ᠬᠦᠮᠦᠵᠢᠭᠦᠯᠬᠦ ᠲᠣᠭᠳᠠᠴᠠ | ᠶᠢ ᠪᠠᠶᠢᠭᠤᠯᠣᠨ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠬᠢᠬᠡᠳ ᠠᠵᠣ ᠣᠶᠢᠯᠠᠰ ᠤᠨ ᠬᠠᠮᠳᠣᠷᠠᠭᠰᠠᠨ | ᠰᠢᠨᠡᠴᠢᠯᠡᠯᠳᠡ ᠶᠢ ᠠᠬᠢᠭᠤᠯᠵᠣ᠂ ᠴᠢᠳᠠᠪᠦᠷᠢᠳᠠᠳ ᠴᠣᠯᠭᠤᠷᠠᠭᠰᠠᠨ ᠣᠬᠢ ᠪᠠᠶᠢᠳᠠᠯ ᠢ ᠪᠣᠢ ᠪᠣᠯᠭᠠᠨ᠎ᠠ᠃ ᠭᠠᠳᠠᠨ᠎ᠠ | ᠲᠣᠳᠣᠨ᠎ᠠ ᠲᠠᠢ ᠴᠢᠯᠦᠭᠡᠳᠡᠢ ᠶᠠᠪᠣᠯᠴᠠᠬᠤ ᠶᠢ ᠬᠤᠯᠪᠣᠭᠠᠯᠠᠨ ᠦᠷᠭᠡᠳᠬᠡᠨ᠎ᠡ᠃ ᠬᠦᠬᠡᠬᠤᠳᠠ ᠪᠣᠭᠤᠳᠦ ᠣᠷᠳᠣᠰ ᠤᠨ | ᠬᠠᠮᠳᠣᠷᠠᠭᠰᠠᠨ ᠬᠦᠭᠵᠢᠯᠳᠠ ᠶᠢᠨ ᠲᠦᠯᠦᠪᠵᠢᠭᠦᠯᠭᠡ ᠶᠢ ᠰᠠᠶᠢᠳᠦᠷ ᠵᠣᠬᠢᠶᠠᠨ ᠪᠠᠶᠢᠭᠤᠯᠣᠨ ᠬᠡᠷᠡᠭᠵᠢᠭᠦᠯᠵᠣ᠂ ᠠᠵᠣ | ᠣᠶᠢᠯᠠᠰ ᠤᠨ ᠰᠢᠯᠵᠢᠯᠳᠡ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯ᠂ ᠴᠢᠳᠠᠪᠦᠷᠢᠳᠠᠨ ᠤ ᠣᠷᠣᠭᠤᠯᠣᠯᠳᠠ ᠵᠡᠷᠭᠡ | ᠲᠠᠯ᠎ᠠ ᠪᠠᠷ ᠬᠢ ᠶᠢ ᠬᠠᠮᠳᠣᠷᠠᠯᠴᠠᠭ᠎ᠠ ᠶᠢ ᠴᠢᠩᠭᠠᠳᠬᠠᠵᠣ᠂ ᠠᠰᠢᠭ ᠲᠣᠰᠠ ᠶᠢ ᠬᠠᠮᠳᠦ ᠡᠳ᠋ᠯᠡᠨ᠎ᠠ︔ ᠢᠷᠭᠠᠢ ᠯᠤᠭ᠎ᠠ | ᠶᠢᠨ ᠰᠢᠨᠵᠢᠯᠡᠭᠡ ᠮᠡᠷᠭᠡᠵᠢᠯ᠂ ᠰᠣᠷᠭᠠᠨ ᠬᠦᠮᠦᠵᠢᠯ᠂ ᠡᠮ ᠡᠮᠴᠢᠯᠡᠭᠡ ᠵᠡᠷᠭᠡ ᠲᠠᠯ᠎ᠠ ᠪᠠᠷ ᠬᠢ ᠬᠠᠮᠳᠣᠷᠠᠯᠴᠠᠭ᠎ᠠ ᠪᠠᠨ | ᠠᠬᠢᠭᠤᠯᠵᠣ ᠪᠠᠶᠢᠷᠢᠰᠢᠯ ᠤᠨ ᠲᠠᠪᠠᠭᠤᠯᠢᠭ ᠪᠠᠨ ᠬᠦᠭᠵᠢᠯᠳᠠ ᠶᠢᠨ ᠲᠠᠪᠠᠭᠤᠯᠢᠭ ᠪᠣᠯᠭᠠᠨ ᠬᠤᠪᠢᠷᠠᠭᠤᠯᠣᠨ᠎ᠠ᠃ | ᠠᠷᠠᠯᠵᠢᠶᠠᠴᠢᠨ ᠣᠷᠢᠵᠣ ᠪᠡᠯᠡ ᠲᠠᠳᠠᠬᠤ ᠲᠦᠷᠦ ᠶᠢᠨ ᠪᠣᠳᠣᠯᠭ᠎ᠠ ᠶᠢ ᠣᠯᠠᠮ ᠲᠡᠭᠦᠯᠳᠡᠷᠵᠢᠭᠦᠯᠵᠣ᠂ ︽ᠬᠡᠯᠬᠢᠶ᠎ᠡ ᠶᠢ | ᠪᠠᠶᠢᠭᠤᠯᠵᠣ ᠨᠦᠬᠦᠪᠦᠷᠢᠯᠠᠨ ᠴᠢᠩᠭᠠᠳᠬᠠᠬᠤ︾ ᠠᠵᠢᠯᠯᠠᠭᠠᠨ ᠤ ᠲᠦᠰᠦᠯ ᠲᠣᠭᠳᠠᠭᠠᠵᠣ᠂ ᠠᠵᠣ ᠣᠶᠢᠯᠠᠰ ᠤᠨ | ᠬᠡᠯᠬᠢᠶ᠎ᠡ ᠪᠠᠷ ᠠᠷᠠᠯᠵᠢᠶᠠᠴᠢᠨ ᠣᠷᠢᠬᠤ ᠪᠠᠨ ᠴᠢᠩᠭᠠᠳᠬᠠᠵᠣ᠂ ᠬᠠᠷᠠᠯᠳᠠᠳᠦ ᠣᠷᠢᠭᠳᠠᠭᠰᠠᠳ ᠤᠨ ᠬᠦᠮᠦᠷᠭᠡ᠂ | ᠲᠦᠷᠦᠯ ᠵᠣᠶᠢᠯ ᠤᠨ ᠳ᠋ᠠᠶᠢᠲᠨ ᠬᠦᠮᠦᠷᠭᠡ᠂ ᠬᠤᠷᠰᠢᠨ ᠠᠵᠢᠯᠯᠠᠬᠤ ᠠᠴᠢᠶᠠᠯᠠᠪᠦᠷᠢ ᠶᠢᠨ ᠬᠦᠮᠦᠷᠭᠡ᠂ ᠠᠵᠣ ᠣᠶᠢᠯᠠᠰ | ᠪᠠᠷ ᠠᠷᠠᠯᠵᠢᠶᠠᠴᠢᠨ ᠣᠷᠢᠬᠤ ᠵᠢᠷᠤᠭ ᠤᠨ ︽ᠭᠤᠷᠪᠡᠨ ᠬᠦᠮᠦᠷᠭᠡ ᠨᠢᠭᠡ ᠵᠢᠷᠤᠭ︾ ᠢ ᠪᠠᠶᠢᠭᠤᠯᠣᠨ ᠲᠦᠰᠦᠪᠯᠡᠵᠣ᠂ | ᠰᠠᠨᠠᠭᠠᠴᠢᠯᠭ᠎ᠠ ᠲᠠᠢ ᠪᠠᠷ ᠣᠷᠢᠨ ᠶᠠᠷᠢᠯᠴᠠᠵᠣ᠂ ᠠᠷᠠᠯᠵᠢᠶᠠᠴᠢᠨ ᠣᠷᠢᠬᠤ ᠲᠠᠳᠠᠬᠤ ᠬᠦᠴᠦᠨ ᠪᠠ ᠦᠷ᠎ᠡ ᠪᠦᠳᠦᠮᠵᠢ | ᠪᠠᠨ ᠲᠡᠭᠡᠭᠰᠢᠯᠡᠬᠦᠯᠦᠨ᠎ᠡ︔ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢᠨ ᠬᠠᠷᠠᠭᠠᠯᠵᠠᠯ ᠤᠨ ᠲᠦᠷᠦ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠣ᠂ ᠠᠷᠠᠳ ᠤᠨ ᠪᠡᠯᠡ ᠮᠦᠩᠭᠦ ᠲᠦᠷᠦᠯ ᠵᠣᠶᠢᠯ ᠤᠨ ᠪᠠᠶᠢᠭᠤᠯᠣᠯᠳᠠ | ᠳᠤ ᠣᠷᠣᠯᠴᠠᠬᠤ ᠶᠢ ᠲᠠᠮᠵᠢᠨ᠂ ᠨᠣᠳᠤᠭ ᠤᠨ ᠠᠵᠣ ᠠᠬᠤᠶᠢᠯᠳᠡᠨ᠂ ᠨᠣᠳᠤᠭ ᠲᠤ ᠪᠠᠨ ᠪᠣᠴᠠᠭᠰᠠᠨ ᠣᠶᠢᠯᠠᠰ | ᠪᠦᠳᠦᠭᠡᠭᠴᠢᠳ᠂ ᠬᠠᠮᠳᠣᠷᠠᠯ ᠠᠵᠣ ᠠᠬᠤᠢ ᠶᠢᠨ ᠵᠣᠬᠢᠶᠠᠨ ᠪᠠᠶᠢᠭᠤᠯᠣᠯᠳᠠ ᠵᠡᠷᠭᠡ ᠶᠢ ᠵᠣᠷᠢᠭᠵᠢᠭᠤᠯᠣᠨ ᠪᠣᠳᠠᠳᠦ | ᠴᠣᠭᠴᠠ ᠶᠢᠨ ᠠᠵᠣ ᠠᠬᠤᠢ ᠶᠢ ᠬᠦᠭᠵᠢᠭᠦᠯᠵᠣ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠶᠢᠯᠠᠯ ᠤᠨ | ᠬᠡᠪᠴᠢᠶᠡᠵᠢᠯ ᠢ ᠲᠠᠰᠣᠷᠠᠯᠳᠠ ᠦᠭᠡᠢ ᠦᠷᠭᠡᠳᠬᠡᠨ᠂ ᠪᠦᠬᠦ ᠨᠡᠶᠢᠭᠡᠮ ᠤᠨ ᠪᠣᠳᠠᠳᠦ ᠲᠣᠯᠠᠭᠠᠭᠤᠷᠢᠯᠠᠯ ᠬᠦᠴᠦᠨ ᠢ | ᠨᠡᠮᠡᠭᠳᠡᠭᠦᠯᠦᠨ᠎ᠡ᠃ | ︵ᠨᠠᠢᠮᠠ︶ ᠨᠡᠶᠢᠭᠡᠮ ᠤᠨ ᠵᠠᠰᠠᠯᠳᠠ ᠶᠢ ᠰᠢᠨᠡᠴᠢᠯᠡᠵᠣ᠂ ᠡᠶ᠎ᠡ ᠵᠣᠬᠢᠴᠠᠯ ᠠᠮᠣᠷ ᠲᠣᠭᠳᠠᠭᠤᠨ ᠢ ᠬᠠᠮᠠᠭᠠᠯᠠᠨ᠂ | ᠠᠮᠣᠷ ᠲᠦᠪᠰᠢᠨ ᠬᠦᠭᠵᠢᠯᠳᠠ ᠶᠢᠨ ᠴᠢᠳᠠᠪᠦᠷᠢ ᠶᠢ ᠲᠡᠭᠡᠭᠰᠢᠯᠡᠬᠦᠯᠦᠨ᠎ᠡ᠃ ᠠᠭᠤᠰᠣᠯᠴᠠᠨ ᠬᠤᠯᠪᠣᠭᠠᠯᠠᠬᠤ᠂ | ᠴᠢᠯᠦᠭᠡᠳᠡᠢ ᠶᠠᠪᠣᠯᠴᠠᠨ ᠬᠠᠮᠳᠣᠷᠠᠨ ᠵᠠᠰᠠᠬᠤ ᠶᠢ ᠴᠢᠬᠤᠯᠠᠴᠢᠯᠠᠵᠣ᠂ ᠨᠡᠶᠢᠭᠡᠮ ᠤᠨ ᠵᠠᠰᠠᠯᠳᠠ ᠶᠢᠨ ᠬᠠᠣᠯᠢᠵᠢᠭᠰᠠᠨ᠂ | ᠣᠶᠣᠨᠴᠢᠯᠠᠭᠰᠠᠨ᠂ ᠲᠣᠰᠬᠠᠶᠢᠵᠢᠭᠰᠠᠨ ᠲᠦᠪᠰᠢᠨ ᠢ ᠲᠡᠭᠡᠭᠰᠢᠯᠡᠬᠦᠯᠵᠣ᠂ ᠡᠯ᠎ᠡ ᠲᠦᠷᠦᠯ ᠤᠨ ᠲᠦᠭᠰᠢᠭᠦᠷᠢ ᠶᠢ | ᠣᠷᠢᠳᠴᠢᠯᠠᠨ ᠵᠢᠱᠢᠬᠦ᠂ ᠰᠡᠷᠡᠮᠵᠢᠯᠡᠬᠦᠯᠬᠦ᠂ ᠰᠡᠷᠭᠡᠶᠢᠯᠡᠬᠦ ᠴᠢᠳᠠᠪᠦᠷᠢ ᠶᠢ ᠲᠡᠭᠡᠭᠰᠢᠯᠡᠭᠦᠯᠦᠨ᠂ ᠬᠦᠭᠵᠢᠯᠳᠠ ᠪᠠᠨ | ᠲᠦᠷᠭᠡᠳᠬᠡᠬᠦ ᠳᠤ ᠠᠮᠣᠷ ᠲᠦᠪᠰᠢᠨ ᠤ ᠪᠠᠳᠣᠯᠠᠭ᠎ᠠ ᠬᠠᠩᠭᠠᠨ᠎ᠠ᠃ ᠠᠶᠣᠯᠭᠦᠢ ᠣᠶᠢᠯᠠᠳᠪᠦᠷᠢᠯᠠᠯ ᠤᠨ ᠬᠦᠴᠦ | ᠲᠠᠷᠣᠯᠳᠠ ᠶᠢ ᠪᠠᠳᠣᠯᠠᠨ᠎ᠠ᠃ ᠨᠠᠮ ᠵᠠᠰᠠᠭ ᠬᠠᠮᠳᠦ ᠬᠠᠷᠢᠭᠤᠴᠠᠬᠤ ᠨᠢᠭᠡ ᠪᠠᠶᠢᠷᠢ ᠬᠤᠣᠰ ᠬᠠᠷᠢᠭᠤᠴᠠᠯᠭ᠎ᠠ ᠴᠤᠭ ᠢᠶᠠᠷ | ᠠᠳᠬᠤᠵᠣ ᠬᠠᠮᠳᠦ ᠪᠠᠷ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠢ ᠡᠷᠡᠰ ᠴᠢᠩᠭ᠎ᠠ ᠨᠠᠶᠢᠳᠠᠪᠦᠷᠢᠵᠢᠭᠤᠯᠵᠣ᠂ | ᠠᠶᠣᠯᠭᠦᠢ ᠣᠶᠢᠯᠠᠳᠪᠦᠷᠢᠯᠠᠯ ᠤᠨ ᠬᠦᠨᠳᠦ ᠶᠡᠭᠡ ᠠᠳᠡᠭᠳᠡᠯ ᠳᠤ ︽ᠨᠢᠭᠡ ᠪᠢᠯᠧᠲ ᠢᠶᠠᠷ ᠦᠭᠡᠶᠢᠰᠬᠡᠬᠦ︾ ᠶᠢ | ᠬᠡᠷᠡᠭᠵᠢᠭᠦᠯᠦᠨ᠎ᠡ︔ ᠠᠶᠣᠯᠭᠦᠢ ᠣᠶᠢᠯᠠᠳᠪᠦᠷᠢᠯᠠᠯ ᠤᠨ ᠪᠠᠶᠢᠴᠠᠭᠠᠯᠳᠠ ᠴᠡᠭᠴᠡᠯᠡᠯᠳᠡ ᠶᠢ ᠦᠷᠭᠦᠯᠵᠢ ᠦᠷᠨᠢᠭᠦᠯᠵᠣ᠂ | ᠳ᠋ᠠᠶᠢᠲᠨ ᠲᠦᠪ ᠲᠤ ᠲᠦᠰᠢᠭᠯᠡᠨ ᠣᠯᠠᠨ ᠨᠡᠶᠢᠳᠡ ᠶᠢᠨ ᠠᠮᠣᠷ ᠲᠦᠪᠰᠢᠨ ᠤ ᠮᠡᠳᠡᠭᠡ ᠵᠠᠩᠬᠢ ᠶᠢᠨ ᠪᠠᠴᠢᠮ | ᠠᠷᠭᠠᠴᠠᠬᠤ ᠠᠪᠣᠷᠠᠨ ᠲᠣᠰᠠᠯᠠᠯᠳᠠ ᠶᠢᠨ ᠵᠢᠯᠣᠭᠤᠳᠬᠤ ᠲᠦᠪ ᠢ ᠪᠠᠶᠢᠭᠤᠯᠣᠨ ᠭᠤᠣᠯᠳᠠᠯᠭᠠᠳᠦ ᠬᠦᠷᠢᠶ᠎ᠡ ᠴᠠᠷᠠᠭ᠎ᠠ᠂ | ᠭᠤᠣᠯᠳᠠᠯᠭᠠᠳᠦ ᠣᠷᠣᠨ ᠪᠠᠶᠢᠷᠢ ᠶᠢᠨ ᠬᠦᠨᠳᠦ ᠶᠡᠭᠡ ᠠᠶᠣᠯ ᠤᠨ ᠡᠬᠢ ᠶᠢ ᠴᠠᠭ ᠢᠮᠠᠭᠳᠠ ᠪᠦᠬᠦ ᠲᠠᠯ᠎ᠠ ᠪᠠᠷ ᠬᠢᠨᠠᠨ | ᠡᠵᠡᠮᠳᠡᠵᠣ᠂ ᠠᠶᠣᠯᠬᠦᠢ ᠣᠶᠢᠯᠠᠳᠪᠦᠷᠢᠯᠠᠯ ᠤᠨ ᠬᠦᠨᠳᠦ ᠨᠣᠴᠢᠳᠠᠢ ᠠᠳᠡᠭᠳᠡᠯ ᠭᠠᠷᠬᠤ ᠶᠢ ᠴᠢᠩᠭ᠎ᠠ ᠰᠡᠷᠭᠡᠶᠢᠯᠨᠡ᠃ | ᠢᠳᠡᠭᠡᠨ ᠤ ᠠᠶᠣᠯᠭᠦᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠣᠯᠵᠠᠴᠢ ᠪᠠᠯᠭᠠᠰᠣᠨ ᠤ ᠢᠳᠡᠭᠡᠨ | ᠪᠣᠯᠪᠠᠰᠣᠷᠠᠭᠤᠯᠬᠤ ᠬᠦᠷᠢᠶᠡᠯᠡᠩ ᠤᠨ ᠪᠠᠶᠢᠭᠤᠯᠣᠯᠳᠠ ᠶᠢ ᠡᠬᠢᠯᠡᠭᠦᠯᠦᠨ᠂ ᠪᠦᠳᠦᠭᠡᠭᠳᠡᠭᠦᠨ ᠤ ᠪᠠᠷᠢᠮᠵᠢᠶ᠎ᠠ ᠶᠢ | ᠨᠢᠭᠡᠳᠬᠡᠨ᠂ ᠨᠢᠭᠡᠳᠦᠯᠳᠡᠢ ᠬᠢᠨᠠᠯᠳᠠ ᠰᠢᠯᠭᠠᠯᠳᠡ ᠪᠠ ᠨᠢᠭᠡᠳᠦᠯᠳᠡᠢ ᠬᠦᠷᠭᠡᠯᠳᠡ ᠶᠢᠨ ᠵᠠᠭᠪᠣᠷ ᠶᠢ ᠬᠡᠷᠡᠭᠵᠢᠭᠦᠯᠵᠣ᠂ | ᠡᠯ᠎ᠡ ᠪᠠᠯᠭᠠᠰᠤ ᠪᠤᠯᠤᠨ ᠳᠤᠮᠤ ᠵᠠᠬ᠎ᠠ ᠳᠡᠯᠬᠡᠬᠦᠷ ᠤᠨ ᠪᠠᠷᠢᠮᠵᠢᠶᠠᠳᠤ ᠲᠦᠷᠬᠡᠨ ᠪᠠᠶᠢᠴᠠᠭᠠᠯᠳᠠ ᠶᠢᠨ ᠳᠠᠰᠤᠭ ᠢ | ᠪᠠᠶᠢᠭᠤᠯᠵᠤ᠂ ᠲᠦᠳᠠ ᠲᠦᠷᠬᠡᠨ ᠬᠢᠨᠠᠨ ᠰᠢᠯᠭᠠᠯᠳᠠ ᠪᠠ ᠠᠶᠤᠯᠬᠦᠢ ᠶᠢᠨ ᠵᠦᠪᠰᠢᠶᠡᠷᠡᠯ ᠢ ᠬᠡᠷᠡᠭᠵᠢᠬᠦᠯᠤᠨ᠂ ᠠᠷᠠᠤᠨ | ᠤᠯᠠᠨ ᠤ ᠢᠳᠡᠬᠡᠨ ᠤ ᠠᠮᠤᠷ ᠲᠦᠪᠰᠢᠨ ᠢ ᠪᠠᠳᠤᠯᠠᠨ᠎ᠠ᠃ ᠤᠷᠴᠢᠨ ᠳᠤᠭᠤᠷᠢᠨ ᠤ ᠴᠡᠭᠴᠡᠯᠡᠯᠳᠠ ᠶᠢ ᠴᠢᠩᠭᠠᠤᠨᠬᠠᠨ᠎ᠠ | ᠃ ᠬᠠᠮᠤᠭ ᠤᠨ ᠬᠠᠳᠠᠭᠤ ᠴᠢᠩᠭ᠎ᠠ ᠣᠷᠴᠢᠨ ᠲᠣᠭᠤᠷᠢᠨ ᠤ ᠬᠠᠮᠠᠭᠠᠯᠠᠯᠳᠠ ᠶᠢᠨ ᠪᠠᠷᠢᠮᠵᠢᠶ᠎ᠠ ᠶᠢ ᠬᠡᠷᠡᠭᠵᠢᠭᠦᠯᠵᠣ᠂ | ᠣᠷᠴᠢᠨ ᠬᠠᠮᠠᠭᠠᠯᠠᠯᠳᠠ ᠶᠢᠨ ᠠᠰᠠᠭᠤᠳᠠᠯ ᠤᠨ ᠲᠣᠰᠬᠠᠢ ᠴᠡᠭᠴᠡᠯᠡᠯᠳᠡ ᠶᠢ ᠦᠷᠭᠦᠯᠵᠢᠯᠡᠨ ᠦᠷᠨᠢᠭᠦᠯᠵᠣ᠂ | ᠵᠠᠩᠬᠢᠴᠢᠯᠠᠭᠰᠠᠨ᠂ ᠣᠶᠣᠨᠴᠢᠯᠠᠭᠰᠠᠨ ᠬᠠᠣᠯᠢ ᠬᠡᠷᠡᠭᠵᠢᠭᠦᠯᠬᠦ ᠬᠢᠨᠠᠯᠳᠠ ᠬᠠᠮᠢᠶᠠᠷᠣᠯᠳᠠ ᠶᠢᠨ ᠰᠢᠰᠲ᠋ᠧᠮ ᠢ ᠪᠠᠶᠢᠭᠤᠯᠣᠨ | ᠂ ᠬᠢᠨᠠᠨ ᠪᠠᠶᠢᠴᠠᠭᠠᠬᠤ ᠬᠡᠪᠴᠢᠶ᠎ᠡ ᠪᠠ ᠪᠦᠷᠬᠦᠴᠡ ᠪᠠᠨ ᠦᠷᠭᠡᠳᠬᠡᠵᠣ᠂ ᠭᠤᠣᠯᠳᠠᠯᠭᠠᠳᠦ ᠣᠷᠣᠨ ᠬᠡᠪᠴᠢᠶᠡᠨ ᠤ | ᠣᠷᠴᠢᠨ ᠲᠣᠭᠤᠷᠢᠨ ᠤ ᠶᠡᠷᠦᠩᠬᠡᠶᠢᠯᠡᠭᠰᠠᠨ ᠵᠠᠰᠠᠯᠳᠠ ᠶᠢᠨ ᠡᠭᠦᠷᠭᠡ ᠪᠠᠨ ᠪᠡᠶᠡᠯᠡᠭᠦᠯᠵᠣ᠂ ᠣᠳᠤᠭ ᠤᠨ ᠡᠮᠦᠨᠡᠳᠦ | ᠬᠤᠰᠢᠭᠤᠨ ᠤ ᠬᠦᠭᠡ ᠲᠡᠭᠷᠢ ᠬᠦᠷᠦᠰᠦ ᠰᠢᠷᠣᠢ ᠶᠢ ᠬᠠᠮᠠᠭᠠᠯᠠᠨ᠎ᠠ᠃ ᠠᠮᠣᠷ ᠠᠮᠣᠭᠤᠯᠠᠩ ᠡᠮᠦᠨᠡᠳᠦ ᠣᠳᠤᠭ ᠤᠨ | ᠪᠠᠶᠢᠭᠤᠯᠣᠯᠳᠠ ᠶᠢ ᠭᠦᠨᠵᠡᠭᠡᠶᠢᠷᠡᠭᠦᠯᠦᠨ᠎ᠡ᠃ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠬᠦᠯᠢᠶᠡᠬᠦ᠂ ᠬᠡᠷᠡᠭ | ᠲᠠᠭᠠᠭᠠᠴᠢᠯᠠᠨ ᠦᠨᠳᠤᠰᠤᠨ ᠱᠠᠳᠤᠨ ᠳᠤ ᠬᠦᠨᠵᠡᠬᠡᠶᠢᠷᠡᠨ ᠰᠤᠷᠪᠤᠯᠵᠢᠯᠠᠬᠤ᠂ ᠭᠤᠷᠪᠠᠨ ᠱᠠᠳᠤ ᠪᠠᠷ ᠳᠡᠬᠦᠰᠬᠡᠬᠦ | ᠲᠦᠷᠢᠮ ᠢ ᠡᠷᠡᠰ ᠬᠡᠷᠡᠭᠵᠢᠬᠦᠯᠵᠤ᠂ ᠳᠤᠭᠳᠠᠮᠠᠯ ᠬᠤᠭᠤᠴᠠᠭ᠎ᠠ ᠲᠠᠢ ᠪᠠᠷ ᠰᠤᠳᠤᠯᠤᠭ᠎ᠠ ᠵᠠᠳᠠᠯᠤᠯᠳᠠ ᠮᠠᠭᠠᠤᠨᠯᠠᠯᠳᠠ | ᠬᠢᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠴᠢᠷ ᠲᠦᠪᠡᠭ ᠲᠠᠢ ᠭᠤᠣᠯᠳᠠᠯᠭᠠᠳᠦ ᠬᠡᠷᠡᠭ ᠶᠢ ᠲᠦᠪᠯᠡᠷᠡᠭᠦᠯᠦᠨ | ᠰᠢᠢᠳᠪᠦᠷᠢᠯᠡᠵᠣ᠂ ᠠᠷᠠᠤᠨ ᠤᠯᠠᠨ ᠤ ᠵᠦᠢ ᠶᠤᠰᠤᠨ ᠤ ᠱᠠᠭᠠᠷᠳᠠᠯᠭ᠎ᠠ ᠶᠢ ᠬᠦᠴᠤᠯᠡᠨ ᠰᠢᠢᠤᠨᠪᠤᠷᠢᠯᠡᠨᠠ᠃ | ᠰᠡᠷᠬᠡᠶᠢᠯᠡᠨ ᠡᠵᠡᠮᠰᠢᠬᠦ ᠪᠡᠶᠡᠳᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠤᠨᠬᠠᠨ᠂ ᠪᠠᠯᠭᠠᠰᠤᠨ ᠳᠤᠭᠤᠷᠢᠭ ᠤᠨ | ᠵᠡᠬᠡᠯᠢ ᠭᠤᠳᠤᠮᠵᠢ᠂ ᠭᠠᠷᠬᠤ ᠵᠠᠮ ᠬᠤᠳᠠ ᠬᠦᠳᠡᠭᠡ ᠶᠢᠨ ᠲᠦᠪᠯᠡᠷᠡᠩᠬᠦᠢ ᠰᠠᠭᠤᠷᠢᠰᠢᠯ ᠤᠨ ᠳᠤᠭᠤᠷᠢᠭ ᠲᠤ | ᠲᠣᠭᠠᠴᠠᠯᠠᠭᠰᠠᠨ ᠬᠠᠮᠢᠶᠠᠷᠣᠯᠳᠠ ᠶᠢ ᠲᠦᠭᠡᠮᠡᠯᠵᠢᠭᠦᠯᠵᠣ᠂ ᠱᠠᠩᠬᠠᠢ ᠶᠢᠨ ᠰᠦᠮ᠎ᠡ ᠠᠭᠤᠷᠬᠠᠢ ᠲᠣᠭᠤᠷᠢᠭ ᠤᠨ | ᠨᠡᠭᠦᠳᠡᠯ ᠬᠦᠮᠦᠨ ᠠᠮᠡ ᠤᠨ ᠬᠦᠳᠡᠯᠦᠩᠭᠦᠢ ᠬᠢᠨᠠᠯᠳᠡ ᠬᠠᠮᠢᠶᠠᠷᠣᠯᠳᠠ ᠶᠢ ᠴᠢᠩᠭᠠᠳᠬᠠᠵᠣ᠂ ᠬᠠᠤᠯᠢ ᠵᠦᠷᠢᠴᠡᠭᠰᠡᠨ | ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠷᠠᠤᠨ ᠤᠯᠠᠨ ᠤ ᠠᠮᠤᠷ ᠵᠢᠷᠭᠠᠯ ᠢ ᠪᠠᠳᠤᠯᠠᠨ᠎ᠠ᠃ | ︵ᠶᠢᠰᠦ︶ ᠴᠢᠳᠠᠮᠵᠢ ᠶᠢᠨ ᠲᠡᠭᠡᠭᠰᠢᠯᠡᠭᠦᠯᠦᠯᠳᠡ ᠶᠢ ᠲᠣᠪᠣᠶᠢᠯᠠᠭᠠᠵᠣ᠂ ᠬᠤᠪᠢ ᠪᠡᠶ᠎ᠡ ᠶᠢᠨ ᠪᠠᠶᠢᠭᠤᠯᠣᠯᠳᠠ ᠪᠠᠨ | ᠴᠢᠩᠭᠠᠳᠬᠠᠨ᠂ ᠵᠠᠰᠠᠭ ᠤᠨ ᠣᠷᠳᠣᠨ ᠤ ᠨᠡᠶᠢᠳᠡ ᠶᠢᠨ ᠢᠳᠡᠭᠡᠮᠵᠢ ᠶᠢ ᠲᠡᠭᠡᠭᠰᠢᠯᠡᠭᠦᠯᠦᠨ᠎ᠡ᠃ ᠬᠦᠭᠵᠢᠯᠳᠡ ᠶᠢᠨ | ᠬᠦᠨᠳᠦ ᠡᠭᠦᠷᠭᠡ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠵᠠᠰᠠᠭ ᠤᠨ ᠣᠷᠳᠣᠨ ᠤ ᠠᠵᠢᠯ ᠲᠤ ᠨᠡᠩ ᠦᠨᠳᠦᠷ | ᠱᠠᠭᠠᠷᠳᠠᠯᠭ᠎ᠠ ᠲᠣᠷᠠᠳᠣᠵᠣ ᠪᠣᠢ᠂ ᠪᠢᠳᠡ ᠵᠠᠪᠠᠯ ᠪᠦᠬᠦ ᠲᠠᠯ᠎ᠠ᠂ ᠬᠦᠭᠵᠢᠯᠳᠡ᠂ ᠠᠷᠠᠳ ᠤᠨ ᠠᠮᠢᠳᠣᠷᠠᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠬᠠᠣᠯᠢ ᠶᠣᠰᠣᠭᠠᠷ ᠵᠠᠰᠠᠭ ᠶᠠᠪᠣᠭᠤᠯᠵᠣ᠂ ᠬᠠᠣᠯᠢ ᠪᠠᠷ ᠵᠠᠰᠠᠬᠤ ᠵᠠᠰᠠᠭ ᠤᠨ | ᠣᠷᠳᠣᠨ ᠢ ᠴᠣᠭᠴᠠᠯᠠᠨ᠎ᠠ᠃ ᠬᠠᠣᠯᠢ ᠪᠠᠷ ᠵᠠᠰᠠᠬᠤ ᠣᠬᠠᠮᠰᠠᠷ ᠢᠶᠠᠨ ᠴᠢᠩᠭᠠᠳᠬᠠᠵᠣ᠂ ᠬᠠᠣᠯᠢ ᠶᠣᠰᠣᠭᠠᠷ ᠡᠷᠬᠡ ᠪᠠᠨ | ᠬᠡᠷᠡᠭᠯᠡᠬᠦ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠴᠢᠬᠤᠯᠠ ᠶᠡᠭᠡ ᠰᠢᠢᠳᠪᠦᠷᠢ ᠲᠣᠭᠳᠠᠭᠠᠬᠤ ᠳᠤ | ᠨᠡᠶᠢᠭᠡᠮ ᠨᠡᠶᠢᠳᠡ ᠪᠠᠷ ᠣᠷᠣᠯᠴᠠᠬᠤ᠂ ᠮᠡᠷᠭᠡᠵᠢᠯᠳᠡᠳ ᠠᠴᠠ ᠠᠰᠠᠭᠤᠨ ᠯᠠᠪᠯᠠᠬᠤ ᠲᠦᠭᠰᠢᠭᠦᠷᠢ ᠶᠢ ᠵᠢᠱᠢᠨ ᠦᠨᠡᠯᠡᠬᠦ᠂ | ᠬᠠᠣᠯᠢ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ᠂ ᠬᠠᠮᠳᠦ ᠪᠠᠷ ᠶᠠᠷᠢᠯᠴᠠᠨ ᠲᠣᠭᠳᠠᠭᠠᠬᠤ ᠵᠡᠷᠭᠡ ᠬᠠᠣᠯᠢ ᠪᠠᠷ | ᠲᠣᠭᠳᠠᠭᠠᠭᠰᠠᠨ ᠶᠠᠪᠣᠴᠠ ᠶᠢ ᠡᠷᠡᠰ ᠴᠢᠩᠭ᠎ᠠ ᠬᠡᠷᠡᠭᠵᠢᠭᠦᠯᠦᠨ᠎ᠡ᠃ ᠲᠦᠷᠢᠮ ᠭᠤᠷᠢᠮ ᠤᠨ ᠣᠬᠠᠮᠰᠠᠷ ᠢᠶᠠᠨ | ᠴᠢᠩᠭᠠᠳᠬᠠᠨ᠂ ᠨᠠᠶᠢᠳᠠᠪᠦᠷᠢᠵᠢᠭᠤᠯᠣᠯᠳᠠ ᠶᠢ ᠠᠳᠬᠤᠬᠤ᠂ ᠭᠤᠣᠯ ᠴᠣᠬᠴᠠ ᠶᠢᠨ ᠬᠠᠷᠢᠭᠤᠴᠠᠯᠭ᠎ᠠ ᠪᠠᠨ ᠡᠷᠡᠰ | ᠭᠦᠢᠴᠡᠳᠬᠡᠵᠣ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ᠂ ᠠᠷᠠᠳ ᠤᠨ ᠪᠠᠶᠢᠩᠭᠤ ᠶᠢᠨ | ᠬᠤᠷᠢᠶᠠᠨ ᠤ ᠰᠢᠢᠳᠪᠦᠷᠢ ᠶᠢ ᠡᠷᠡᠰ ᠰᠢᠭᠤᠷᠬᠠᠢ ᠲᠣᠣᠱᠯᠠᠭᠤᠯᠣᠨ ᠬᠡᠷᠡᠭᠵᠢᠭᠦᠯᠦᠨ᠎ᠡ︔ ᠠᠷᠠᠳ ᠤᠨ | ᠲᠦᠯᠦᠭᠡᠯᠡᠭᠴᠢᠳ ᠤᠨ ᠰᠠᠨᠠᠯ᠂ ᠰᠠᠨᠠᠭᠤᠯᠭ᠎ᠠ ᠪᠣᠯᠣᠨ ᠣᠯᠣᠰ ᠤᠨ ᠲᠦᠷᠦ ᠶᠢᠨ ᠵᠦᠪᠯᠡᠭᠡᠨ ᠤ ᠭᠡᠰᠢᠭᠦᠳ ᠤᠨ | ᠲᠣᠷᠠᠳᠣᠯᠭ᠎ᠠ ᠶᠢ ᠬᠠᠣᠯᠢ ᠶᠣᠰᠣᠭᠠᠷ ᠲᠣᠬᠢᠳᠡᠢ ᠭᠦᠢᠴᠡᠳᠬᠡᠨ᠎ᠡ︔ ᠵᠠᠰᠠᠭ ᠤᠨ ᠣᠷᠳᠣᠨ ᠤ ᠴᠢᠬᠤᠯᠠ ᠠᠵᠢᠯ ᠢ | ᠴᠠᠭ ᠲᠣᠬᠠᠢ ᠳᠤᠨᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠮᠡᠳᠡᠭᠦᠯᠦᠨ᠂ ᠣᠯᠣᠰ ᠲᠦᠷᠦ ᠶᠢᠨ ᠵᠦᠪᠯᠡᠭᠡᠨ ᠳᠤ ᠮᠡᠳᠡᠭᠳᠡᠨ᠂ ᠵᠠᠰᠠᠭ ᠤᠨ ᠣᠷᠳᠣᠨ ᠤ ︽ᠬᠠᠣᠯᠢ ᠪᠠᠷ ᠵᠠᠰᠠᠬᠤ | ᠲᠦᠪᠰᠢᠨ︾ ᠢᠶᠠᠷ ᠨᠡᠶᠢᠭᠡᠮ ᠤᠨ ︽ᠲᠦᠪ ᠭᠤᠣᠯᠴᠢ ᠶᠢᠨ ᠲᠦᠪᠰᠢᠨ︾ ᠢ ᠲᠡᠭᠡᠭᠰᠢᠯᠡᠭᠦᠯᠦᠨ᠎ᠡ᠃ ᠠᠷᠠᠳ ᠤᠨ | ᠲᠦᠯᠦᠭᠡ ᠵᠠᠰᠠᠭ ᠪᠠᠷᠢᠵᠣ᠂ ᠣᠶᠢᠯᠡᠴᠢᠯᠡᠭᠡᠨ ᠤ ᠵᠠᠰᠠᠭ ᠤᠨ ᠣᠷᠳᠣᠨ ᠢ ᠴᠣᠭᠴᠠᠯᠠᠨ᠎ᠠ᠃ ᠵᠠᠰᠠᠭ ᠤᠨ ᠣᠷᠳᠣᠨ ᠤ | ᠴᠢᠳᠠᠪᠬᠢ ᠶᠢᠨ ᠬᠤᠪᠢᠷᠠᠭᠤᠯᠣᠯᠳᠠ ᠶᠢ ᠴᠢᠩᠭᠠᠳᠬᠠᠨ᠂ ᠣᠶᠢᠯᠡᠴᠢᠯᠡᠭᠡᠨ ᠤ ᠴᠢᠨᠠᠷ ᠢᠶᠠᠨ ᠡᠷᠴᠢᠮ ᠲᠠᠢ | ᠲᠡᠭᠡᠭᠰᠢᠯᠡᠬᠦᠯᠵᠣ᠂ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠪᠦᠷᠢᠯᠳᠦᠭᠦᠨ ᠪᠡᠶ᠎ᠡ ᠪᠠᠷ ᠲᠣᠯᠣᠭᠠᠶᠢᠯᠠᠨ | ᠲᠠᠭᠤᠷᠢᠶᠠᠯ ᠪᠣᠯᠵᠣ ᠠᠵᠢᠯ ᠤᠨ ᠰᠣᠷᠳᠠᠯ ᠢᠶᠠᠨ ᠰᠠᠶᠢᠵᠢᠷᠠᠭᠤᠯᠣᠨ᠂ ᠪᠡᠶ᠎ᠡ ᠪᠠᠷ ᠢᠶᠠᠨ ᠦᠨᠳᠦᠰᠦᠨ ᠱᠠᠳᠣᠨ ᠳᠤ | ᠭᠦᠨᠵᠡᠭᠡᠶᠢᠷᠡᠵᠣ ᠣᠯᠠᠨ ᠲᠦᠮᠠᠨ ᠲᠠᠢ ᠬᠠᠷᠢᠯᠴᠠᠨ ᠪᠣᠳᠠᠳᠦ ᠠᠰᠠᠭᠤᠳᠠᠯ ᠢ ᠰᠢᠢᠳᠪᠦᠷᠢᠯᠡᠵᠣ᠂ ᠵᠠᠰᠠᠭ ᠪᠠᠷᠢᠬᠤ | ᠠᠷᠭ᠎ᠠ ᠠᠪᠴᠠᠯ ᠢᠶᠠᠨ ᠪᠣᠳᠠᠳᠦ ᠪᠠᠶᠢᠳᠠᠯ ᠠᠷᠠᠳ ᠤᠨ ᠬᠦᠰᠡᠯ ᠱᠠᠭᠠᠷᠳᠠᠯᠭ᠎ᠠ ᠳᠤ ᠨᠡᠶᠢᠴᠡᠭᠦᠯᠦᠨ ᠠᠷᠠᠳ ᠤᠨ | ᠠᠮᠢᠳᠣᠷᠠᠯ ᠢ ᠬᠠᠷᠠᠭᠠᠯᠵᠠᠨ᠎ᠠ᠃᠂ ᠵᠠᠰᠠᠭ ᠤᠨ ᠶᠠᠪᠣᠳᠠᠯ᠂ ᠡᠳ᠋ ᠤᠨ ᠵᠠᠰᠠᠭ ᠤᠨ ᠲᠦᠰᠦᠪ᠂ ᠴᠢᠬᠤᠯᠠ ᠶᠡᠭᠡ ᠲᠦᠷᠦᠯ | ᠵᠣᠶᠢᠯ ᠤᠨ ᠪᠠᠶᠢᠭᠤᠯᠣᠯᠳᠠ ᠵᠡᠷᠭᠡ ᠲᠠᠯ᠎ᠠ ᠪᠠᠷ ᠬᠢ ᠮᠡᠳᠡᠭᠡ ᠵᠠᠩᠬᠢ ᠶᠢᠨ ᠢᠯᠡᠰᠢᠯᠡᠭᠦᠯᠦᠯᠳᠡ ᠶᠢ ᠪᠦᠬᠦ ᠲᠠᠯ᠎ᠠ ᠪᠠᠷ | ᠠᠬᠢᠭᠤᠯᠵᠣ᠂ ᠪᠢᠴᠢᠯ ᠪᠦᠷᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠬᠦᠢᠴᠡᠳ ᠠᠰᠢᠭᠯᠠᠨ᠂ ᠵᠠᠰᠠᠭ ᠤᠨ | ᠶᠠᠪᠣᠳᠠᠯ ᠤᠨ ᠮᠡᠳᠡᠭᠡ ᠵᠡᠩᠭᠢ ᠶᠢ ᠴᠠᠭ ᠲᠠᠷᠣᠢ ᠳᠤᠨᠢ ᠲᠠᠮᠵᠢᠭᠤᠯᠵᠣ᠂ ᠨᠡᠶᠢᠭᠡᠮ ᠤᠨ ᠠᠩᠬᠠᠷᠣᠯ ᠳᠤ ᠬᠠᠷᠢᠭᠤ | ᠦᠭᠴᠦ᠂ ᠵᠠᠰᠠᠭ ᠤᠨ ᠣᠷᠳᠣᠨ ᠤ ︽ᠣᠶᠢᠯᠡᠴᠢᠯᠡᠭᠡᠨ ᠤ ᠲᠦᠪᠰᠢᠨ︾ ᠢᠶᠠᠷ ᠣᠯᠠᠨ ᠲᠦᠮᠡᠨ ᠤ ︽ᠵᠣᠯ ᠵᠢᠷᠭᠠᠯ | ᠤᠨ ᠲᠦᠪᠰᠢᠨ︾ ᠢ ᠲᠡᠭᠡᠭᠰᠢᠯᠡᠭᠦᠯᠦᠨ᠎ᠡ᠃ ᠦᠨᠳᠦᠷ ᠪᠦᠳᠦᠮᠵᠢ ᠪᠠᠷ ᠵᠠᠰᠠᠭ ᠢ ᠰᠢᠯᠢᠳᠡᠭᠵᠢᠭᠦᠯᠵᠣ᠂ ᠴᠢᠳᠠᠮᠵᠢᠳᠦ | ᠵᠠᠰᠠᠭ ᠤᠨ ᠣᠷᠳᠣᠨ ᠢ ᠴᠣᠭᠴᠠᠯᠠᠨ᠎ᠠ᠃ ᠬᠡᠯᠡᠪᠡᠯ ᠭᠦᠢᠴᠡᠳᠬᠡᠬᠦ᠂ ᠲᠣᠭᠳᠠᠪᠠᠯ ᠬᠢᠬᠦ᠂ ᠬᠢᠪᠡᠯ ᠰᠠᠶᠢᠳᠦᠷ ᠬᠢᠬᠦ ᠵᠠᠰᠠᠭ | ᠶᠠᠪᠣᠭᠤᠯᠬᠤ ᠰᠢᠨ᠎ᠡ ᠰᠣᠷᠳᠠᠯ ᠢ ᠶᠡᠭᠡ ᠪᠠᠷ ᠰᠣᠷᠳᠠᠴᠢᠯᠠᠨᠠ᠃ ᠠᠯᠢᠪᠠ ᠭᠤᠣᠯᠳᠠᠯᠭᠠᠳᠦ ᠡᠭᠦᠷᠭᠡ᠂ ᠭᠤᠣᠯᠳᠠᠯᠭᠠᠳᠦ | ᠲᠦᠷᠦᠯ ᠵᠣᠶᠢᠯ ᠢ ᠴᠦᠮ ᠨᠠᠷᠢᠯᠢᠭ ᠬᠤᠪᠢᠶᠠᠨ ᠨᠣᠭᠳᠠᠭᠤᠯᠵᠣ᠂ ᠲᠠᠩᠰᠠ ᠡᠪᠬᠡᠮᠡᠯ ᠪᠠᠶᠢᠭᠤᠯᠣᠨ ᠬᠠᠷᠢᠭᠤᠴᠠᠯᠭ᠎ᠠ ᠶᠢ | ᠲᠣᠳᠣᠷᠬᠠᠶᠢᠯᠠᠵᠣ᠂ ᠲᠦᠰᠦᠪ ᠲᠣᠭᠳᠠᠭᠠᠨ ᠠᠵᠢᠯᠯᠠᠵᠣ᠂ ᠴᠢᠩᠭ᠎ᠠ ᠱᠠᠭᠠᠷᠳᠠᠨ ᠪᠠᠶᠢᠴᠠᠭᠠᠵᠣ᠂ ᠲᠣᠣᠱᠳᠠᠢ ᠠᠳᠬᠤᠨ | ᠦᠷ᠎ᠡ ᠪᠦᠳᠦᠮᠵᠢ ᠭᠠᠷᠭᠠᠨ᠎ᠠ᠃ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠲᠦᠷᠢᠮ ᠪᠣᠯᠣᠨ | ᠬᠠᠮ ᠱᠠᠭᠠᠷᠳᠠᠨ ᠪᠠᠶᠢᠴᠠᠭᠠᠯᠳᠠ ᠶᠢᠨ ᠲᠣᠭᠳᠠᠴᠠ ᠶᠢ ᠪᠠᠶᠢᠭᠤᠯᠣᠨ ᠲᠡᠭᠦᠯᠳᠡᠷᠵᠢᠭᠦᠯᠵᠣ᠂ ᠪᠣᠷᠣᠭᠤ ᠶᠢ ᠵᠠᠯᠠᠷᠠᠭᠤᠯᠣᠨ | ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠤᠨ ᠬᠤᠷᠳᠣᠴᠠ᠂ ᠴᠢᠨᠠᠷ᠂ | ᠪᠦᠳᠦᠮᠵᠢ ᠶᠢ ᠪᠦᠬᠦ ᠬᠦᠴᠦᠨ ᠢᠶᠠᠷ ᠲᠡᠭᠡᠭᠰᠢᠯᠡᠭᠦᠯᠵᠣ᠂ ᠵᠠᠰᠠᠭ ᠤᠨ ᠣᠷᠳᠣᠨ ᠤ ︽ᠦᠷ᠎ᠡ ᠪᠦᠳᠦᠮᠵᠢ ᠶᠢᠨ | ᠲᠦᠪᠰᠢᠨ︾ ᠢᠶᠠᠷ ᠠᠵᠣ ᠠᠬᠤᠢ ᠶᠢᠨ ︽ᠬᠦᠭᠵᠢᠯᠳᠠ ᠶᠢᠨ ᠲᠦᠪᠰᠢᠨ︾ ᠢ ᠲᠡᠭᠡᠭᠰᠢᠯᠡᠭᠦᠯᠦᠨ᠎ᠡ᠃ ᠡᠷᠡᠰ ᠴᠢᠩᠭ᠎ᠠ | ᠪᠠᠷ ᠵᠠᠰᠠᠭᠯᠠᠵᠣ᠂ ᠠᠷᠢᠭᠤᠨ ᠴᠢᠭᠡᠴᠢ ᠵᠠᠰᠠᠭ ᠤᠨ ᠣᠷᠳᠣᠨ ᠢ ᠴᠣᠭᠴᠠᠯᠠᠨ᠎ᠠ᠂ ᠰᠠᠬᠢᠯᠭ᠎ᠠ ᠪᠠᠳᠣ ᠪᠣᠯᠣᠨ ᠲᠦᠷᠢᠮ | ᠭᠤᠷᠢᠮ ᠢ ᠲᠡᠷᠢᠭᠦᠨ ᠳᠤ ᠲᠠᠯᠪᠢᠵᠣ ︽ᠨᠢᠭᠡ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭᠠᠳᠬᠠᠨ ᠨᠠᠮ ᠤᠨ | ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠣᠨ᠎ᠠ᠃ ︽ᠲᠦᠪ ᠤᠨ ᠨᠠᠢᠮᠠᠨ ᠲᠣᠭᠳᠠᠭᠠᠯ︾ ᠪᠣᠯᠣᠨ ᠦᠪᠡᠷᠳᠡᠭᠡᠨ ᠵᠠᠰᠠᠬᠤ ᠣᠷᠣᠨ᠂ ᠬᠤᠳᠠ᠂ | ᠬᠤᠰᠢᠭᠤᠨ ᠤ ᠲᠦᠬᠦᠷᠴᠢᠯᠡᠭᠰᠡᠨ ᠱᠠᠭᠠᠷᠳᠠᠯᠭ᠎ᠠ ᠶᠢ ᠲᠠᠭᠠᠭᠠᠮᠠᠭᠠᠢ ᠨᠠᠶᠢᠳᠠᠪᠦᠷᠢᠵᠢᠭᠤᠯᠵᠣ᠂ ︽ᠭᠤᠷᠪᠠᠨ ᠠᠯᠪᠠᠨ | ᠵᠠᠷᠣᠳᠠᠯ︾ ᠪᠣᠯᠣᠨ ᠡᠳ᠋ ᠤᠨ ᠵᠠᠰᠠᠭ ᠤᠨ ᠡᠩ ᠤᠨ ᠵᠠᠷᠣᠯᠭ᠎ᠠ ᠶᠢ ᠣᠯᠠᠮ ᠪᠠᠭᠠᠰᠬᠠᠵᠣ᠂ ᠬᠢᠨᠠᠨ ᠪᠣᠳᠣᠬᠤ ᠬᠢᠨᠠᠯᠳᠠ | ᠪᠣᠯᠣᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠠᠷᠭ᠎ᠠ ᠪᠠᠷᠢᠯ ᠢ ᠰᠢᠨᠡᠴᠢᠯᠡᠵᠣ᠂ ᠬᠠᠣᠯᠢ ᠰᠠᠬᠢᠯᠭ᠎ᠠ ᠵᠦᠷᠢᠴᠡᠭᠰᠡᠨ | ᠬᠡᠷᠡᠭ ᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠵᠣ᠂ ᠵᠠᠰᠠᠭ ᠤᠨ ᠣᠷᠳᠣᠨ ᠤ ︽ᠠᠷᠢᠭᠤᠨ ᠴᠢᠭᠡᠴᠢ ᠲᠦᠪᠰᠢᠨ︾ | ᠢᠶᠠᠷ ᠠᠷᠠᠳ ᠲᠦᠮᠡᠨ ᠤ ︽ᠬᠠᠨᠣᠮᠵᠢ ᠶᠢᠨ ᠲᠦᠪᠰᠢᠨ︾ ᠢ ᠲᠡᠭᠡᠭᠰᠢᠯᠡᠭᠦᠯᠦᠨ᠎ᠡ᠃ | ᠲᠦᠯᠤᠬᠡᠯᠡᠭᠴᠢᠤᠨ ᠡ᠂ ᠰᠢᠨ᠎ᠡ ᠵᠢᠯ ᠰᠢᠨ᠎ᠡ ᠦᠩᠭᠡ ᠲᠦᠷᠬᠦ ᠪᠠᠷ ᠰᠢᠨ᠎ᠠ ᠠᠶᠠᠨ ᠳᠠᠭᠠᠨ ᠭᠠᠪᠰᠢᠭᠠᠶᠢᠯᠠᠬᠤ | ᠪᠣᠯᠣᠯ᠎ᠠ᠃ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ | ᠤ ᠬᠦᠴᠦᠳᠦ ᠣᠳᠣᠷᠢᠳᠣᠯᠭ᠎ᠠ ᠲᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠲᠠᠢ | ᠪᠦᠯᠬᠦᠮᠳᠡᠨ ᠰᠡᠳᠬᠢᠯ ᠨᠢᠭᠡᠳᠦᠨ ᠬᠦᠴᠦᠨ ᠬᠠᠮᠳᠣᠳᠬᠠᠵᠣ᠂ ᠢᠳᠡᠭᠡᠯ ᠵᠣᠷᠢᠭ ᠢᠶᠠᠨ ᠬᠦᠪᠴᠢᠯᠡᠨ ᠲᠠᠬᠢᠨᠳᠠ ᠠᠳᠠᠯ | ᠪᠣᠰᠬᠠᠵᠣ᠂ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ | ᠵᠢᠷᠦᠮ ᠰᠠᠶᠢᠨ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠪᠠᠶᠢᠭᠤᠯᠬᠤ ᠪᠠᠷ ᠬᠦᠴᠦᠯᠡᠨ ᠳᠡᠮᠡᠴᠡᠰᠤᠬᠡᠢ︕ | | | | | ᠨᠡᠷᠡᠰ ᠤᠨ ᠲᠠᠶᠢᠯᠪᠣᠷᠢ | 1. ᠴᠠᠬᠢᠯᠭᠠᠨ ᠭᠥᠴᠥ ᠭᠠᠳᠠᠭᠰᠢ ᠲᠠᠮᠵᠢᠭᠤᠯᠬᠤ ᠱᠤᠭᠤᠮ᠄ ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ | ᠬᠡᠷᠡᠭᠯᠡᠭᠴᠢ ᠪᠤᠶᠤ ᠴᠠᠬᠢᠯᠭᠠᠨ ᠭᠡᠷᠡᠭᠰᠡᠭᠦ ᠭᠠᠵᠠᠷ ᠤᠷᠤᠭᠤ ᠴᠠᠬᠢᠯᠭᠠᠨ ᠭᠥᠷᠭᠡᠭᠦ ᠪᠠᠷ ᠵᠤᠷᠢᠭᠤᠯᠵᠤ ᠪᠤᠰᠬᠠᠭᠰᠠᠨ | ᠴᠠᠬᠢᠯᠭᠠᠨ ᠲᠤᠤᠷ ᠤᠨ ᠱᠤᠭᠤᠮ ᠢ ᠵᠢᠭᠠᠵᠤ ᠪᠤᠢ᠃ ᠠᠳᠡ ᠤᠨᠴᠠᠭᠠᠶᠢᠯᠠᠨ ᠤᠯᠤᠰ ᠪᠠ ᠥᠪᠡᠷᠳᠡᠭᠡᠨ ᠵᠠᠰᠠᠬᠤ | ᠤᠷᠤᠨ ᠠᠴᠠ ᠴᠢᠬᠤᠯᠠᠴᠢᠯᠠᠨ ᠭᠤᠤᠯᠳᠠᠯᠭᠠᠳᠠᠢ ᠪᠠᠶᠢᠭᠤᠯᠤᠭᠰᠠᠨ ︽ᠥᠪᠥᠷ ᠮᠤᠩᠭᠤᠯ ᠤᠨ ᠴᠠᠬᠢᠯᠭᠠᠨ ᠢ ᠭᠠᠳᠠᠭᠰᠢ | ᠬᠥᠷᠭᠡᠭᠦ︾ ᠱᠤᠭᠤᠮ ᠤᠨ ᠨᠢᠭᠡ ᠪᠤᠯᠬᠤ᠂ ᠱᠠᠩᠬᠠᠢ ᠶᠢᠨ ᠰᠥᠮ᠎ᠡ ᠠᠴᠠ ᠱᠠᠨᠳᠥ᠋ᠩ ᠭᠥᠷᠭᠦ ±800 ᠺᠢᠯᠤᠸᠥᠯᠲ | ᠤᠨ ᠤᠨᠴᠠ ᠥᠨᠳᠥᠷ ᠭᠥᠴᠥᠳᠠᠯᠳᠠᠳᠦ ᠴᠠᠬᠢᠯᠭᠠᠨ ᠭᠥᠷᠭᠡᠯᠳᠡ ᠶᠢᠨ ᠵᠠᠮ ᠱᠤᠭᠤᠮ ᠢ ᠭᠡᠯᠡᠵᠥ ᠪᠠᠶᠢᠨ᠎ᠠ᠃ | 2.LNG᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠭᠡᠢ ᠶᠢᠨ ᠠᠩᠭ᠍ᠯᠢ ᠲᠠᠭᠤᠳᠠᠯᠭ᠎ᠠ | ︵Liquefied Natural Gas︶ ᠶᠢᠨ ᠲᠤᠪᠴᠢᠯᠠᠯ᠃ | 3.WIFI: ᠡᠯᠧᠺᠲᠷᠥᠨ ᠭᠡᠷᠡᠭᠯᠡᠭᠦᠷ ᠢ ᠠᠭᠠᠷ ᠤᠳᠠᠰᠤᠳᠤ ᠭᠡᠰᠡᠭ ᠭᠡᠪᠴᠢᠶᠡᠨ ᠤ ᠨᠧᠲ ᠲᠠᠢ ᠵᠠᠯᠭᠠᠬᠤ | ᠮᠡᠷᠭᠡᠵᠢᠯ ᠢ ᠵᠢᠭᠠᠵᠤ ᠪᠤᠢ᠃ ᠲᠤᠰ ᠮᠡᠷᠭᠡᠵᠢᠯ ᠢ ᠠᠰᠢᠭᠯᠠᠨ ᠭᠠᠷ ᠤᠳᠠᠰᠤᠨ ᠮᠠᠰᠢᠨ ᠪᠤᠯᠤᠨ ᠺᠤᠮᠫᠢᠥ᠋ᠲ᠋ᠧᠷ ᠵᠡᠷᠭᠡ | ᠴᠠᠬᠢᠯᠭᠠᠨ ᠭᠡᠷᠡᠭᠯᠡᠭᠦᠷ ᠢᠶᠠᠷ ᠢᠨᠲ᠋ᠧᠷ ᠰᠥᠯᠵᠢᠶᠡᠨ ᠳᠤ ᠨᠠᠪᠳᠡᠷᠳᠡᠭ᠃ | 4. ᠡᠮᠨᠡᠬᠦ ᠰᠤᠪᠢᠯᠠᠬᠤ ᠶᠢ ᠤᠶᠠᠯᠳᠤᠭᠤᠯᠬᠤ᠄ ᠡᠮᠴᠢᠯᠡᠭᠡ᠂ ᠰᠤᠪᠢᠯᠠᠯ᠂ ᠨᠠᠰᠤᠵᠢᠯ ᠢ ᠢᠵᠢ ᠴᠤᠭᠴᠠᠵᠢᠭᠤᠯᠤᠨ᠂ | ᠡᠮᠴᠢᠯᠡᠭᠡ ᠪᠠ ᠨᠠᠰᠤᠵᠢᠯ ᠤᠨ ᠡᠬᠢ ᠰᠤᠷᠪᠤᠯᠵᠢ ᠶᠢ ᠪᠤᠯᠬᠤ ᠭᠡᠮᠵᠢᠶ᠎ᠡ ᠪᠠᠷ ᠨᠡᠶᠢᠳᠭᠡᠨ ᠨᠢᠭᠡᠳᠭᠡᠵᠥ ᠠᠰᠢᠭᠯᠠᠬᠤ | ᠰᠢᠨ᠎ᠡ ᠠᠷᠭ᠎ᠠ ᠬᠡᠯᠪᠡᠷᠢ᠃ 2017 ᠤᠨ ᠤ 1 ᠰᠠᠷ᠎ᠠ ᠶᠢᠨ 22 ᠤᠨ ᠡᠳᠥᠷ᠂ ᠤᠷᠳᠤᠰ ᠬᠤᠳᠠ ᠶᠢᠨ ︽ᠡᠮᠨᠡᠭᠦ | ᠰᠤᠪᠢᠯᠠᠬᠤ ᠶᠢ ᠤᠶᠠᠯᠳᠤᠭᠤᠯᠤᠭᠰᠠᠨ︾ ᠲᠤᠷᠰᠢᠯᠳᠠ ᠶᠢᠨ ᠴᠡᠭ ᠤᠨ ᠥᠢᠯᠡ ᠮᠠᠨ ᠤ ᠬᠤᠰᠢᠭᠤᠨ ᠤ ᠠᠵᠠᠳᠠᠢ | ᠡᠷᠡᠭᠦᠯᠵᠢᠯ ᠵᠢᠭᠤᠯᠴᠢᠯᠠᠯ ᠰᠤᠪᠢᠯᠠᠯ ᠤᠨ ᠭᠥᠷᠢᠶᠡᠯᠠᠩ ᠳᠤ ᠵᠢᠩᠬᠢᠨᠢ ᠪᠠᠷ ᠡᠬᠢᠯᠡᠭᠰᠡᠨ ᠶᠣᠮ᠃ | 5. ︽ᠪᠣᠭ ᠮᠠᠯ ᠤᠨ ᠲᠤᠭ᠎ᠠ ᠲᠣᠯᠣᠭᠠᠢ ᠶᠢ ᠲᠣᠭᠲᠠᠪᠣᠷᠢᠵᠢᠭᠤᠯᠣᠨ ᠦᠬᠡᠷ ᠢ ᠨᠡᠮᠡᠭᠳᠡᠬᠦᠯᠵᠣ᠂ ᠬᠤᠶᠢᠳᠣ ᠪᠡᠶ᠎ᠡ | ᠳᠤ ᠮᠠᠯ ᠮᠠᠯᠯᠠᠨ ᠡᠮᠣᠨᠡᠲᠣ ᠬᠡᠰᠡᠭ ᠲᠤ ᠠᠮᠣ ᠪᠣᠳᠠᠭ᠎ᠠ ᠲᠠᠷᠢᠬᠤ︾ ᠪᠠᠶᠢᠯᠳᠣᠬᠤ ᠪᠣᠳᠣᠯᠭ᠎ᠠ᠄ ᠡᠨᠡ ᠪᠤᠯ ᠮᠠᠨ ᠤ | ᠬᠤᠰᠢᠭᠤᠨ ᠤ ᠤᠳᠤᠬᠠᠨ ᠪᠠ ᠬᠤᠶᠢᠰᠢᠳᠠ ᠶᠢᠨ ᠭᠡᠰᠡᠭ ᠬᠤᠭᠤᠴᠠᠭᠠᠨ ᠳᠤ ᠮᠠᠯ ᠲᠠᠷᠢᠶᠠᠯᠠᠩ ᠤᠨ ᠥᠢᠯᠡᠰ ᠤᠨ | ᠭᠥᠭᠵᠢᠭᠦᠯᠥᠯᠳᠡ ᠪᠠ ᠠᠵᠤ ᠥᠢᠯᠡᠰ ᠤᠨ ᠪᠥᠳᠥᠴᠡ ᠳᠤ ᠲᠤᠬᠢᠷᠠᠭᠤᠯᠤᠯᠳᠠ ᠬᠢᠭᠦ ᠵᠤᠷᠢᠯᠭ᠎ᠠ ᠪᠠᠷ ᠬᠡᠷᠡᠭᠵᠢᠭᠦᠯᠥᠭᠳᠡᠭᠦ | ᠪᠤᠯᠤᠭᠰᠠᠨ ᠶᠡᠷᠥᠩᠭᠡᠶᠢᠯᠡᠭᠰᠡᠨ ᠪᠠᠶᠢᠯᠳᠤᠬᠤ ᠪᠤᠳᠤᠯᠭ᠎ᠠ ᠶᠢᠨ ᠰᠡᠳᠬᠢᠮᠵᠢ ᠶᠤᠮ᠃ ︽ᠪᠣᠭ ᠮᠠᠯ ᠤᠨ ᠲᠤᠭ᠎ᠠ | ᠲᠣᠯᠣᠭᠠᠢ ᠶᠢ ᠲᠣᠭᠲᠠᠪᠣᠷᠢᠵᠢᠭᠤᠯᠣᠨ ᠦᠬᠡᠷ ᠢ ᠨᠡᠮᠡᠭᠳᠡᠭᠦᠯᠭᠦ︾ ᠭᠡᠳᠡᠭ ᠪᠤᠯ ᠪᠤᠭ ᠮᠠᠯ ᠤᠨ ᠲᠤᠭ᠎ᠠ ᠲᠤᠯᠤᠭᠠᠢ ᠶᠢ | ᠲᠤᠭᠳᠠᠪᠤᠷᠢᠳᠠᠢ ᠪᠠᠷᠢᠮᠳᠠᠯᠠᠬᠤ ᠶᠢᠨ ᠰᠠᠭᠤᠷᠢᠨ ᠲᠡᠭᠡᠷ᠎ᠡ ᠬᠤᠶᠢᠳᠤ ᠰᠢᠯᠢ ᠶᠢᠨ ᠬᠤᠨᠢ ᠢᠮᠠᠭᠠᠨ ᠮᠢᠬ᠎ᠠ ᠶᠢᠨ ᠰᠢᠮ᠎ᠡ | ᠰᠠᠶᠢᠳᠠᠢ ᠤᠨᠴᠠᠯᠢᠭ ᠢ ᠨᠡᠩ ᠪᠠᠳᠠᠷᠠᠭᠤᠯᠬᠤ ᠶᠢᠨ ᠬᠠᠮᠳᠤ ᠥᠭᠡᠷ ᠮᠠᠯᠯᠠᠬᠤ ᠬᠡᠪᠴᠢᠶᠡᠵᠢᠯ ᠢ ᠨᠢ ᠥᠷᠭᠦᠯᠵᠢᠯᠡᠨ | ᠥᠷᠭᠡᠳᠭᠡᠭᠦ ᠶᠢ ᠵᠢᠭᠠᠵᠤ ᠪᠤᠢ᠃ ︽ᠬᠤᠶᠢᠳᠣ ᠪᠡᠶ᠎ᠡ ᠳᠤ ᠮᠠᠯ ᠮᠠᠯᠯᠠᠨ ᠡᠮᠣᠨᠡᠲᠣ ᠬᠡᠰᠡᠭ ᠲᠤ ᠠᠮᠣ ᠪᠣᠳᠠᠭ᠎ᠠ | ᠲᠠᠷᠢᠬᠤ︾ ᠭᠡᠳᠡᠭ ᠪᠤᠯ ᠬᠤᠰᠢᠭᠤᠨ ᠤ ᠬᠤᠶᠢᠳᠤ ᠪᠡᠶ᠎ᠡ ᠶᠢᠨ ᠮᠠᠯ ᠮᠠᠯᠵᠢᠬᠤ ᠳᠤ ᠵᠤᠬᠢᠴᠠᠯᠳᠠᠢ ᠭᠠᠵᠠᠷ ᠤᠷᠤᠨ ᠢᠶᠠᠷ | ᠮᠠᠯ ᠠᠵᠤ ᠠᠬᠤᠢ ᠶᠢ ᠭᠤᠤᠯᠳᠠᠯᠭᠠᠳᠠᠢ ᠭᠥᠭᠵᠢᠭᠦᠯᠥᠨ᠂ ᠡᠮᠣᠨᠡᠲᠣ ᠬᠡᠰᠡᠭ ᠤᠨ ᠲᠠᠷᠢᠶᠠᠯᠠᠬᠤ ᠤᠷᠤᠨ ᠢᠶᠠᠷ ᠥᠨᠳᠥᠷ | ᠤᠨᠠᠯᠳᠠᠳᠤ ᠲᠠᠷᠢᠮᠠᠯ ᠤᠨ ᠥᠢᠯᠡ ᠭᠥᠭᠵᠢᠭᠦᠯᠥᠨ᠂ ᠡᠶᠢᠮᠥᠷᠭᠦ ᠪᠠᠶᠢᠷᠰᠢᠭᠤᠯᠤᠯᠳᠠ ᠲᠤᠬᠢᠷᠠᠭᠤᠯᠤᠯᠳᠠ ᠪᠠᠷ ᠮᠠᠯ | ᠲᠠᠷᠢᠶᠠᠯᠠᠩ ᠤᠨ ᠥᠢᠯᠡᠰ ᠤᠨ ᠭᠥᠭᠵᠢᠯᠳᠡ ᠶᠢᠨ ᠪᠥᠳᠥᠴᠡ ᠶᠢ ᠰᠢᠯᠢᠳᠡᠭᠵᠢᠭᠦᠯᠭᠦ ᠰᠡᠳᠬᠢᠮᠵᠢ ᠪᠤᠳᠤᠯᠭ᠎ᠠ ᠶᠢ | ᠵᠢᠭᠠᠵᠤ ᠪᠤᠢ᠃ | 6. ︽ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠥ ᠪᠤᠷᠳᠤᠭ᠎ᠠ︾᠄ ᠭᠡᠳᠡᠭ ᠪᠤᠯ ᠠᠮᠤ ᠪᠤᠳᠠᠭᠠᠨ ᠤ | ᠲᠠᠷᠢᠮᠠᠯ᠂ ᠠᠵᠤ ᠠᠬᠤᠢ ᠶᠢᠨ ᠲᠠᠷᠢᠮᠠᠯ ᠪᠤᠯᠤᠨ ᠲᠡᠵᠢᠭᠡᠯ ᠡᠪᠡᠰᠥ ᠪᠤᠷᠳᠤᠭᠠᠨ ᠤ ᠲᠠᠷᠢᠮᠠᠯ ᠤᠨ ᠵᠥᠢᠯ ᠤᠳ ᠢ | ᠵᠢᠭᠠᠵᠤ ᠪᠤᠢ᠃ | 7. ︽1 + 6︾ ᠬᠤᠪᠢᠰᠬᠠᠯᠳᠤ ᠪᠤᠯᠪᠠᠰᠤᠷᠠᠯ ᠭᠥᠮᠥᠵᠢᠯ ᠤᠨ ᠰᠠᠭᠤᠷᠢᠨ᠄ ︽1︾ ᠪᠤᠯ ᠶᠠᠨ ᠠᠨ ᠤ | ᠥᠨᠳᠥᠰᠥᠳᠡᠨ ᠤ ᠲᠡᠭᠡᠳᠤ ᠰᠤᠷᠭᠠᠭᠤᠯᠢ ᠶᠢᠨ ᠪᠤᠷᠤᠪᠠᠯᠭᠠᠰᠤᠨ ᠳᠤ ᠬᠢ ᠲᠤᠷᠰᠬᠠᠯ ᠤᠨ ᠤᠷᠳᠤᠨ ᠪᠤᠯᠤᠨ | ᠬᠤᠪᠢᠰᠬᠠᠯᠳᠤ ᠪᠤᠯᠪᠠᠰᠤᠷᠠᠯ ᠭᠥᠮᠥᠵᠢᠯ ᠤᠨ ᠰᠠᠭᠤᠷᠢᠨ ᠳᠤ ᠺᠠᠳ᠋ᠷᠴᠤᠳ ᠢ ᠴᠤᠭᠯᠠᠭᠤᠯᠤᠨ ᠬᠥᠮᠥᠵᠢᠯ ᠪᠤᠯᠪᠠᠰᠤᠷᠠᠯ | ᠡᠷᠬᠢᠯᠡᠳᠡᠭ ᠢ ᠵᠢᠭᠠᠵᠤ ᠪᠤᠢ︔ ︽6︾ ᠪᠤᠯ ᠲᠠᠬᠢᠯᠳᠤ ᠶᠢᠨ ᠠᠵᠢᠯᠯᠠᠬᠤ ᠬᠤᠷᠢᠶ᠎ᠠ ᠶᠢᠨ ᠪᠠᠭᠤᠷᠢ᠂ ᠸᠠᠩ ᠵᠧᠨ ᠤ | ᠬᠤᠳᠳᠤᠭ᠂ ᠡᠪ ᠬᠠᠮᠳᠤ ᠶᠢᠨ ᠢᠨᠲ᠋ᠧᠷᠨᠠᠼᠢᠥᠨᠠᠯ ᠤᠨ ᠬᠤᠯᠪᠤᠭᠠᠨ ᠤ ᠵᠠᠮ ᠬᠢᠭᠡᠳ ᠡᠪ ᠬᠠᠮᠳᠤ ᠶᠢᠨ | ᠢᠨᠲ᠋ᠧᠷᠨᠠᠼᠢᠥᠨᠠᠯ ᠤᠨ ᠪᠠᠶᠢᠯᠳᠤᠭᠴᠢ ᠡᠷᠸᠢᠨ ᠡᠸ᠋ᠨ᠋ᠰᠲ ︵欧文·恩斯特 Erwin Engst︶ | ᠪᠤᠯᠤᠨ ᠵᠤᠨ ᠭᠧᠨ᠋ᠳᠥᠨ ︵琼·欣顿 Joan Hinton︶ ᠤ ᠲᠤᠷᠠᠰᠬᠠᠯᠳᠤ ᠭᠠᠵᠠᠷ᠂ ᠪᠤᠷᠤᠪᠠᠭᠠᠳᠤᠷ | ᠥᠯᠵᠡᠶᠢᠬᠤᠳᠤᠭ ᠤᠨ ᠲᠤᠷᠠᠰᠬᠠᠯ ᠤᠨ ᠭᠥᠰᠢᠶ᠎ᠡ᠂ ᠶᠡᠭᠡ ᠵᠤᠤ ᠠᠶᠢᠮᠠᠭ ᠤᠨ ᠬᠤᠪᠢᠰᠬᠠᠯᠳᠤ ᠲᠡᠮᠡᠴᠡᠯ ᠤᠨ ᠬᠥᠷᠬᠢᠷᠡ | ᠭᠤᠤ ᠶᠢᠨ ᠲᠠᠶᠢᠯᠠᠯᠳᠤᠭᠠᠨ ᠤ ᠪᠠᠭᠤᠷᠢ ᠵᠡᠷᠭᠡ 6 ᠬᠤᠪᠢᠰᠬᠠᠯᠳᠤ ᠪᠤᠯᠪᠠᠰᠤᠷᠠᠯ ᠭᠥᠮᠥᠵᠢᠯ ᠤᠨ ᠰᠠᠭᠤᠷᠢᠨ ᠢ ᠵᠢᠭᠠᠵᠤ | ᠪᠤᠢ᠃ ︽1 + 6︾ ᠬᠤᠪᠢᠰᠬᠯᠳᠤ ᠭᠥᠮᠥᠵᠢᠯ ᠪᠤᠯᠪᠠᠰᠤᠷᠠᠯ ᠤᠨ ᠰᠠᠭᠤᠷᠢᠨ ᠪᠤᠯ ᠥᠪᠡᠷᠳᠡᠭᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠤᠯᠭᠠᠨ ᠲᠡᠪᠰᠢᠭᠦᠯᠭᠦ ᠲᠥᠷᠥᠯ ᠵᠥᠢᠯ ᠶᠤᠮ᠃ | 8. ᠳ᠋ᠠᠶᠢᠲ᠋ᠠ ᠲᠥᠪ᠄ ᠰᠠᠭᠤᠷᠢ ᠰᠥᠯᠵᠢᠶ᠎ᠡ ᠬᠤᠯᠪᠤᠭ᠎ᠠ᠂ ᠲᠤᠭ᠎ᠠ ᠪᠠᠷᠢᠮᠳᠠ ᠶᠢᠨ ᠰᠠᠩ᠂ ᠴᠢᠮᠡᠭᠡ ᠰᠤᠷᠪᠤᠯᠵᠢ | ᠶᠢᠨ ᠨᠡᠶᠢᠳᠭᠡᠯ᠂ ᠥᠢᠯᠡᠴᠢᠯᠡᠭᠡ ᠪᠤᠯᠤᠨ ᠴᠢᠮᠡᠭᠡ ᠵᠠᠩᠬᠢ ᠲᠠᠷᠬᠠᠭᠠᠯᠳᠠ᠂ ᠬᠢᠨᠠᠨ ᠡᠵᠡᠮᠰᠢᠯ᠂ ᠵᠢᠯᠤᠭᠤᠳᠤᠯᠭ᠎ᠠ | ᠲᠤᠬᠢᠷᠠᠭᠤᠯᠭ᠎ᠠ᠂ ᠶᠡᠷᠥᠩᠭᠡᠶᠢᠯᠡᠭᠰᠡᠨ ᠰᠤᠳᠤᠯᠤᠯ ᠮᠠᠭᠠᠳᠯᠠᠯ ᠬᠢᠭᠡᠳ ᠰᠢᠢᠳᠪᠥᠷᠢ ᠲᠤᠭᠳᠠᠭᠠᠯ ᠵᠡᠷᠭᠡ ᠶᠢ ᠢᠵᠢ | ᠴᠤᠭᠴᠠᠵᠢᠭᠤᠯᠤᠭᠰᠠᠨ ᠴᠢᠮᠡᠭᠡ ᠵᠠᠩᠬᠢ ᠶᠢᠨ ᠶᠡᠷᠥᠩᠭᠡᠶᠢᠯᠡᠭᠰᠡᠨ ᠤᠶᠤᠨᠴᠢ ᠰᠢᠢᠳᠪᠥᠷᠢᠯᠡᠯᠳᠡ ᠶᠢᠨ ᠲᠥᠪ ᠢ ᠭᠡᠯᠡᠵᠤ | ᠪᠤᠢ᠃ ᠮᠠᠨ ᠤ ᠬᠤᠰᠢᠭᠤᠨ ᠤ ᠳ᠋ᠠᠶᠢᠲ᠋ᠠ ᠲᠥᠪ 2017 ᠤᠨ ᠤ 1 ᠰᠠᠷ᠎ᠠ ᠶᠢᠨ 1 ᠤ ᠡᠳᠥᠷ ᠵᠢᠩᠬᠢᠨᠢ ᠪᠠᠷ | ᠡᠷᠥᠭᠡ ᠰᠡᠭᠦᠵᠥ᠂ 2 ᠰᠠᠷ᠎ᠠ ᠶᠢᠨ 4 ᠤ ᠡᠳᠥᠷ ᠪᠥᠭᠦ ᠬᠤᠳᠠ ᠶᠢᠨ ᠴᠢᠮᠡᠭᠡ ᠵᠠᠩᠬᠢᠴᠢᠯᠠᠯᠳᠠ ᠶᠢᠨ ᠲᠠᠪᠴᠠᠩ ᠤᠨ | ᠪᠠᠶᠢᠭᠤᠯᠤᠯᠳᠠ ᠶᠢᠨ ᠠᠬᠤᠢ ᠲᠠᠯᠠᠪᠠᠢ ᠶᠢᠨ ᠬᠤᠷᠠᠯ ᠮᠠᠨ ᠤ ᠬᠤᠰᠢᠭᠤᠨ ᠳᠤ ᠶᠠᠪᠤᠭᠳᠠᠭᠰᠠᠨ ᠶᠣᠮ᠃ | 9.ᠠᠯᠠᠰᠢᠨ ᠮᠠᠯ ᠤᠨ ᠪᠦᠬᠦ ᠤᠶᠢᠯᠡᠰ ᠤᠨ ᠬᠡᠯᠬᠢᠶᠡᠨ ᠤ ᠬᠡᠳᠡᠷᠬᠦ ᠨᠡᠬᠡᠮᠵᠢᠯᠡᠬᠦ ᠰᠢᠰᠲ᠋ᠧᠮ᠄ ᠢᠳᠡᠭᠡᠨ ᠤ ᠠᠮᠦᠷ | ᠲᠦᠪᠰᠢᠨ ᠤ ᠭᠡᠳᠡᠷᠬᠦ ᠨᠡᠬᠡᠮᠵᠢᠯᠡᠬᠦ ᠬᠠᠮᠢᠶᠠᠷᠣᠯᠳᠠ ᠶᠢᠨ ᠲᠠᠪᠴᠠᠩ ᠢ ᠪᠠᠶᠢᠭᠤᠯᠵᠣ᠂ ᠠᠯᠠᠰᠢᠨ ᠮᠠᠯ ᠤᠨ ᠠᠷᠠᠴᠢᠯᠠᠯᠳᠠ | ᠂ ᠡᠳ᠋ᠰᠢᠭᠦᠯᠦᠯᠳᠠ᠂ ᠭᠦᠢᠯᠭᠡᠭᠡ ᠪᠣᠯᠣᠨ ᠭᠡᠷᠡᠭᠯᠡᠭᠡᠨ ᠤ ᠪᠦᠬᠦ ᠣᠶᠢᠯᠠᠰ ᠤᠨ ᠬᠡᠯᠬᠢᠶ᠎ᠡ ᠶᠢ ᠵᠠᠪᠰᠠᠷ ᠥᠭᠡᠢ ᠬᠢᠨᠠᠨ | ᠬᠠᠮᠢᠶᠠᠷᠴᠤ᠂ ᠡᠬᠢ ᠶᠢ ᠭᠡᠳᠡᠷᠬᠦ ᠨᠡᠬᠡᠮᠵᠢᠯᠡᠵᠣ᠂ ᠪᠣᠷᠣᠯᠠᠭᠤᠯᠣᠭᠰᠠᠨ ᠭᠠᠵᠠᠷ ᠢ ᠪᠠᠶᠢᠴᠠᠭᠠᠨ᠂ ᠬᠠᠷᠢᠭᠤᠴᠠᠯᠭ᠎ᠠ | ᠨᠡᠬᠡᠮᠵᠢᠯᠡᠬᠦ ᠪᠦᠬᠦ ᠶᠠᠪᠣᠴᠠ ᠶᠢᠨ ᠰᠢᠰᠲ᠋ᠧᠮᠴᠢᠯᠡᠭᠰᠠᠨ ᠨᠡᠬᠡᠮᠵᠢᠯᠠᠯ ᠤᠨ ᠬᠠᠮᠢᠶᠠᠷᠣᠯᠳᠠ ᠶᠢ ᠵᠢᠭᠠᠨ᠎ᠠ᠃ 2015 ᠣᠨ | ᠤ 10 ᠰᠠᠷ᠎ᠠ ᠳᠤ ᠮᠠᠨ ᠤ ᠬᠤᠰᠢᠭᠤ ᠣᠷᠳᠣᠰ ᠬᠤᠳᠠ ᠶᠢᠨ ᠣᠳᠣ ᠦᠶ᠎ᠡ ᠶᠢᠨ ᠮᠠᠯ ᠲᠠᠷᠢᠶᠠᠯᠠᠩ ᠤᠨ ᠪᠦᠬᠦ | ᠣᠶᠢᠯᠠᠰ ᠤᠨ ᠬᠡᠯᠬᠢᠶᠠᠨ ᠤ ᠭᠡᠳᠡᠷᠬᠦ ᠨᠡᠬᠡᠮᠵᠢᠯᠡᠬᠦ ᠰᠢᠰᠲ᠋ᠧᠮ ᠤᠨ ᠲᠣᠷᠰᠢᠯᠳᠠ ᠶᠢᠨ ᠴᠡᠭ ᠪᠣᠯᠵᠣ᠂ ᠡᠨᠡ ᠬᠦ | ᠰᠢᠰᠲ᠋ᠧᠮ ᠢ ᠪᠦᠬᠦ ᠲᠠᠯ᠎ᠠ ᠪᠠᠷ ᠡᠬᠢᠯᠡᠨ ᠬᠡᠷᠡᠭᠵᠢᠭᠦᠯᠪᠡ᠃ | 10. ᠨᠤᠳᠤᠭ ᠪᠡᠯᠴᠢᠭᠡᠷ ᠤᠨ ︽ᠭᠤᠷᠪᠠᠨ ᠡᠷᠬᠡ ᠶᠢᠨ ᠲᠤᠰᠠᠭᠠᠷᠯᠠᠯ︾᠄ ᠨᠣᠳᠤᠭ ᠪᠡᠯᠴᠢᠭᠡᠷ ᠤᠨ ᠡᠷᠭᠡ ᠶᠢ | ᠲᠣᠳᠣᠣᠬᠠᠨ ᠲᠠᠭᠠᠭᠠᠴᠢᠯᠠᠭᠤᠯᠬᠤ ᠠᠵᠢᠯ ᠤᠨ ᠰᠠᠭᠤᠷᠢᠨ ᠲᠡᠭᠡᠷ᠎ᠡ᠂ ᠬᠦᠳᠡᠭᠡ ᠨᠤᠳᠤᠭ ᠤᠨ ᠬᠠᠮᠳᠦ ᠶᠢᠨ ᠭᠠᠵᠠᠷ | ᠰᠢᠷᠦᠢ ᠶᠢᠨ ᠦᠮᠴᠢᠯᠡᠬᠦ ᠡᠷᠬᠡ᠂ ᠲᠠᠭᠠᠭᠠᠴᠢᠯᠠᠬᠤ ᠡᠷᠭᠡ᠂ ᠡᠵᠡᠩᠨᠡᠬᠦ ᠡᠷᠭᠡ ᠶᠢ ᠰᠠᠯᠭᠠᠨ ᠪᠥᠷᠢᠳᠭᠡᠵᠥ ᠥᠨᠡᠮᠯᠡᠯ | ᠤᠯᠭᠤᠨ᠂ ᠨᠣᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠲᠣᠭᠳᠠᠪᠦᠷᠢᠵᠢᠭᠤᠯᠵᠣ᠂ ᠨᠣᠳᠤᠭ ᠪᠡᠯᠴᠢᠭᠡᠷ | ᠤᠨ ᠡᠵᠡᠩᠨᠡᠯᠳᠠ ᠶᠢᠨ ᠡᠷᠭᠡ ᠶᠢ ᠠᠮᠢᠳᠣᠯᠢᠭᠵᠢᠭᠤᠯᠣᠨ᠂ ᠮᠠᠯᠴᠢᠨ ᠲᠠᠷᠢᠶᠠᠴᠢᠨ ᠡᠵᠡᠩᠨᠡᠯᠳᠠ ᠶᠢᠨ ᠡᠷᠬᠡ ᠪᠠᠨ | ᠰᠢᠯᠵᠢᠭᠦᠯᠬᠦ ᠪᠠᠷ ᠲᠠᠮᠵᠢᠨ ᠡᠳ᠋ ᠬᠦᠷᠦᠩᠭᠡ ᠶᠢᠨ ᠴᠢᠨᠠᠷᠳᠠᠢ ᠣᠷᠣᠯᠭ᠎ᠠ ᠣᠯᠵᠣ ᠪᠤᠯᠬᠤ ᠶᠠᠪᠤᠴᠠ ᠶᠢ ᠵᠢᠭᠠᠵᠤ ᠪᠤᠢ᠃ | 2016 ᠣᠨ ᠤ 5 ᠰᠠᠷ᠎ᠠ ᠳᠤ ᠮᠠᠨ ᠤ ᠬᠤᠰᠢᠭᠤ ᠪᠦᠬᠦ ᠣᠯᠣᠰ ᠤᠨ ᠭᠡᠪᠴᠢᠶᠡᠨ᠎ᠡ ᠲᠦᠷᠦᠭᠦᠯᠡᠨ ᠭᠤᠷᠪᠠᠨ ᠡᠷᠬᠡ | ᠶᠢ ᠰᠠᠯᠭᠠᠨ ᠲᠣᠬᠢᠷᠠᠭᠤᠯᠬᠤ ᠠᠵᠢᠯ ᠢ ᠡᠬᠢᠯᠡᠬᠦᠯᠪᠡ᠃ | 11. ᠬᠥᠬᠡᠬᠤᠳᠠ ᠪᠤᠭᠤᠳᠤ ᠤᠷᠳᠤᠰ ᠤᠷᠤᠨ ᠤ ᠬᠠᠮᠳᠤᠷᠠᠨ ᠭᠥᠭᠵᠢᠭᠦ ᠪᠠᠶᠢᠯᠳᠤᠬᠤ ᠪᠤᠳᠤᠯᠭ᠎ᠠ᠄ 2016 | ᠤᠨ ᠤ 9 ᠰᠠᠷ᠎ᠠ ᠶᠢᠨ 24 ᠳᠤ᠂ ᠥᠪᠡᠷᠳᠡᠭᠡᠨ ᠵᠠᠰᠠᠬᠤ ᠤᠷᠤᠨ ᠤ ᠯᠢ ᠵᠢᠢ ᠾᠧᠩ ᠱᠥᠵᠢ ᠤᠷᠳᠤᠰ ᠬᠤᠳᠠ | ᠶᠢᠨ ᠵᠤᠬᠢᠶᠠᠨ ᠪᠠᠶᠢᠭᠤᠯᠤᠨ ᠡᠷᠬᠢᠯᠡᠭᠰᠡᠨ ᠬᠥᠬᠡᠬᠤᠳᠠ ᠪᠤᠭᠤᠳᠤ ᠤᠷᠳᠤᠰ ᠢ ᠬᠠᠮᠳᠤᠷᠠᠭᠤᠯᠤᠨ ᠭᠥᠭᠵᠢᠭᠦᠯᠭᠦ ᠠᠵᠢᠯ | ᠤᠨ ᠰᠠᠭᠤᠳᠠᠯ ᠤᠨ ᠬᠤᠷᠠᠯ ᠲᠡᠭᠡᠷ᠎ᠡ᠄ ᠬᠥᠬᠡᠬᠤᠳᠠ ᠪᠤᠭᠤᠳᠤ ᠤᠷᠳᠤᠰ ᠭᠤᠷᠪᠠᠨ ᠬᠤᠳᠠ ᠶᠢ ᠰᠢ ᠶᠢᠨ ᠫᠢᠩ | ᠶᠡᠷᠥᠩᠭᠡᠢ ᠱᠥᠵᠢ ᠶᠢᠨ ᠤᠷᠤᠨ ᠬᠡᠪᠴᠢᠶᠡᠨ ᠤ ᠬᠥᠭᠵᠢᠯᠳᠡ ᠰᠢᠨ᠎ᠡ ᠰᠡᠳᠬᠢᠮᠵᠢ ᠶᠢᠨ ᠪᠠᠶᠢᠯᠳᠤᠬᠤ ᠪᠤᠳᠤᠯᠭ᠎ᠠ ᠶᠢ | ᠭᠥᠨᠵᠡᠭᠡᠢ ᠨᠠᠶᠢᠳᠠᠪᠤᠷᠢᠵᠢᠭᠤᠯᠵᠤ ᠬᠠᠮᠳᠤᠷᠠᠨ ᠭᠥᠭᠵᠢᠭᠦ ᠶᠢᠨ ᠥᠵᠡᠯ ᠪᠤᠳᠤᠯ ᠢ ᠨᠢ ᠴᠤᠭ ᠡᠷᠴᠢᠮᠯᠡᠵᠥ᠂ | ᠬᠠᠮᠳᠤᠷᠠᠯᠴᠠᠭ᠎ᠠ ᠶᠢ ᠨᠢ ᠠᠬᠢᠭᠤᠯᠤᠨ ᠬᠠᠮᠳᠤ ᠪᠠᠷ ᠭᠥᠭᠵᠢᠭᠦ ᠥᠵᠡᠯᠳᠡ ᠶᠢ ᠴᠢᠩᠭᠠᠳᠬᠠᠨ᠂ ᠬᠤᠪᠢ ᠬᠤᠪᠢᠨ ᠤ | ᠲᠠᠪᠠᠭᠤᠯᠢᠭ ᠪᠠᠷ ᠨᠢ ᠰᠠᠭᠤᠷᠢᠯᠠᠭᠤᠯᠵᠤ᠂ ᠤᠳᠤ ᠥᠶ᠎ᠡ ᠶᠢᠨ ᠠᠵᠤ ᠥᠢᠯᠡᠰ ᠤᠨ ᠠᠵᠢᠯ ᠤᠨ ᠬᠤᠪᠢᠶᠠᠷᠢᠯᠠᠯ ᠪᠠ | ᠤᠷᠤᠨ ᠬᠡᠪᠴᠢᠶᠡᠨ ᠤ ᠬᠠᠷᠢᠯᠴᠠᠨ ᠨᠥᠬᠦᠪᠥᠷᠢᠯᠡᠯ ᠤᠨ ᠵᠠᠷᠴᠢᠮ ᠢ ᠪᠠᠷᠢᠮᠳᠠᠯᠠᠭᠤᠯᠤᠨ᠂ ᠬᠠᠮᠳᠤᠷᠠᠨ ᠭᠥᠭᠵᠢᠭᠦ ᠶᠢᠨ | ᠰᠢᠨ᠎ᠡ ᠵᠠᠮ ᠢ ᠢᠳᠡᠪᠬᠢᠳᠡᠢ ᠬᠠᠶᠢᠨ ᠰᠥᠪᠡᠭᠴᠢᠯᠡᠭᠦᠯᠵᠥ᠂ ᠬᠥᠬᠡᠬᠤᠳᠠ ᠪᠤᠭᠤᠳᠤ ᠤᠷᠳᠤᠰ ᠤᠷᠤᠨ ᠢ ︽ᠠᠮᠢ | ᠠᠬᠤᠢ ᠵᠤᠬᠢᠴᠠᠯᠳᠠᠢ᠂ ᠵᠠᠮ ᠨᠡᠪᠳᠡᠷᠡᠯᠭᠡ ᠴᠢᠯᠥᠭᠡᠳᠡᠢ᠂ ᠠᠵᠤ ᠠᠬᠤᠢ ᠭᠥᠭᠵᠢᠯᠳᠡᠢ᠂ ᠵᠠᠬ᠎ᠠ ᠲᠡᠯᠭᠡᠭᠦᠷ ᠨᠢᠭᠡᠳᠥᠯᠳᠡᠢ᠂ | ᠲᠤᠭᠳᠠᠴᠠ ᠪᠤᠳᠤᠯᠭ᠎ᠠ ᠲᠤᠬᠢᠳᠠᠢ ᠠᠵᠤ ᠠᠬᠤᠢ ᠶᠢᠨ ᠭᠥᠭᠵᠢᠯᠳᠥ ᠪᠥᠰᠡ ᠪᠤᠯᠭᠠᠨ ᠪᠠᠶᠢᠭᠤᠯᠤᠨ᠎ᠠ︾ ᠭᠡᠵᠥ | ᠲᠤᠳᠤᠷᠬᠠᠢ ᠵᠢᠭᠠᠨ ᠭᠠᠷᠭᠠᠭᠰᠠᠨ ᠪᠠᠶᠢᠨ᠎ᠠ᠃ | 12. ᠬᠤᠶᠠᠷ ᠥᠮᠡᠨ᠄ ᠰᠠᠪᠠ ᠶᠢᠨ ᠭᠥᠵᠥᠭᠦᠥ ᠶᠢᠨ ᠥᠮᠡᠨ ᠪᠤᠯᠤᠨ ᠭᠥᠭᠦᠨ ᠪᠤᠯᠴᠢᠷᠬᠠᠢ ᠶᠢᠨ ᠥᠮᠡᠨ ᠢ | ᠵᠢᠭᠠᠵᠤ ᠪᠤᠢ᠃ | 13. ᠭᠤᠷᠪᠠᠨ ᠪᠥᠳᠥᠭᠡᠭᠳᠡᠭᠦᠨ ᠨᠢᠭᠡ ᠢᠯᠡᠳᠭᠡᠯ ᠲᠠᠩᠰᠠᠯᠠᠯᠳᠠ᠄ ᠮᠠᠯ ᠲᠠᠷᠢᠶᠠᠯᠠᠩ ᠤᠨ ᠬᠤᠤᠷᠳᠠᠭᠤᠯᠭᠠ | ᠥᠭᠡᠢ ᠪᠥᠳᠥᠭᠡᠭᠳᠡᠭᠦᠨ᠂ ᠪᠤᠬᠢᠷᠳᠤᠯ ᠥᠭᠡᠢ ᠢᠳᠡᠭᠡᠨ᠂ ᠮᠠᠯ ᠲᠠᠷᠢᠶᠠᠯᠠᠩ ᠤᠨ ᠤᠷᠭᠠᠨᠢᠭ ᠪᠥᠳᠥᠭᠡᠭᠳᠡᠭᠦᠨ ᠪᠤᠯᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠳᠥᠭᠡᠭᠳᠡᠭᠦᠨ ᠤ ᠭᠠᠵᠠᠷ ᠵᠥᠢ ᠶᠢᠨ ᠢᠯᠡᠳᠭᠡᠯ ᠲᠠᠩᠰᠠᠯᠠᠯᠳᠠ ᠶᠢ | ᠨᠡᠷᠡᠯᠡᠭᠰᠡᠨ ᠥᠭᠡ᠃ | 14. ᠪᠥᠭᠦ ᠬᠡᠪᠴᠢᠶᠡᠨ ᠤ ᠵᠢᠭᠤᠯᠴᠢᠯᠠᠯ᠄ ᠨᠢᠭᠡ ᠤᠷᠤᠨ ᠬᠡᠪᠴᠢᠶ᠎ᠡ ᠲᠤᠳᠤᠷ᠎ᠠ ᠵᠢᠭᠤᠯᠴᠢᠯᠠᠯ ᠤᠨ ᠥᠢᠯᠡᠰ | ᠢᠶᠠᠷ ᠲᠠᠪᠠᠭᠤᠯᠢᠭᠳᠤ ᠠᠵᠤ ᠥᠢᠯᠡᠰ ᠪᠤᠯᠭᠠᠨ᠂ ᠤᠷᠤᠨ ᠬᠡᠪᠴᠢᠶ᠎ᠡ ᠲᠤᠳᠤᠷᠠᠬᠢ ᠠᠵᠤ ᠠᠬᠤᠢ ᠨᠡᠶᠢᠭᠡᠮ ᠤᠨ ᠡᠬᠢ | ᠰᠤᠷᠪᠤᠯᠵᠢ᠂ ᠤᠨᠴᠠᠭᠠᠶᠢᠯᠠᠨ ᠵᠢᠭᠤᠯᠴᠢᠯᠠᠯ ᠤᠨ ᠡᠬᠢ ᠰᠤᠷᠪᠤᠯᠵᠢ ᠪᠠ ᠲᠡᠭᠦᠨ ᠯᠦᠭᠡ ᠬᠤᠯᠪᠤᠭ᠎ᠠ ᠪᠥᠭᠦᠢ ᠠᠵᠤ | ᠥᠢᠯᠡᠰ᠂ ᠠᠮᠢ ᠠᠬᠤᠢ ᠤᠷᠴᠢᠨ ᠲᠤᠭᠤᠷᠢᠨ᠂ ᠤᠯᠠᠨ ᠨᠡᠶᠢᠳᠡ ᠶᠢᠨ ᠥᠢᠯᠡᠴᠢᠯᠡᠭᠡ᠂ ᠪᠠᠶᠢᠭᠤᠯᠤᠮᠵᠢ ᠶᠢᠨ | ᠲᠤᠭᠳᠠᠴᠠ᠂ ᠲᠥᠷᠥ ᠶᠢᠨ ᠪᠤᠳᠤᠯᠭ᠎ᠠ ᠬᠠᠤᠯᠢ ᠲᠥᠷᠢᠮ᠂ ᠪᠤᠯᠪᠠᠰᠤᠨ ᠶᠤᠰᠤ ᠰᠤᠷᠳᠠᠯ ᠵᠡᠷᠭᠡ ᠪᠥᠭᠦ ᠲᠠᠯ᠎ᠠ ᠪᠠᠷ | ᠰᠢᠰᠲ᠋ᠧᠮ ᠲᠠᠢ ᠪᠠᠷ ᠰᠢᠯᠢᠳᠡᠭᠵᠢᠭᠦᠯᠥᠨ ᠲᠡᠰ ᠲᠡᠪᠰᠢᠭᠦᠯᠭᠦ ᠪᠠᠷ ᠲᠠᠮᠵᠢᠭᠤᠯᠤᠨ᠂ ᠤᠷᠤᠨ ᠬᠡᠪᠴᠢᠶᠡᠨ ᠤ ᠡᠬᠢ | ᠰᠤᠷᠪᠤᠯᠵᠢ ᠶᠢ ᠤᠷᠭᠠᠨᠢᠭ ᠨᠢᠭᠡᠳᠥᠯ᠂ ᠠᠵᠤ ᠥᠢᠯᠡᠰ ᠤᠨ ᠠᠭᠤᠰᠤᠯᠴᠠᠯ ᠭᠥᠭᠵᠢᠯ᠂ ᠨᠠᠶᠢᠭᠡᠮ ᠤᠨ ᠬᠠᠮ ᠪᠥᠳᠥᠭᠡᠯ | ᠪᠠᠶᠢᠭᠤᠯᠤᠯ ᠴᠤᠭ ᠡᠳ᠋ᠯᠡᠯ ᠢ ᠪᠡᠶᠡᠯᠡᠭᠦᠯᠵᠥ᠂ ᠵᠢᠭᠤᠯᠴᠢᠯᠠᠯ ᠤᠨ ᠥᠢᠯᠡᠰ ᠢᠶᠠᠷ ᠠᠵᠤ ᠠᠬᠤᠢ ᠨᠡᠶᠢᠭᠡᠮ ᠤᠨ | ᠵᠤᠬᠢᠴᠠᠯᠳᠤ ᠭᠥᠭᠵᠢᠯᠳᠡ ᠶᠢ ᠲᠠᠶᠢᠴᠢᠯᠠᠨ ᠭᠥᠭᠵᠢᠭᠡᠭᠦ ᠨᠢᠭᠡᠨ ᠲᠥᠷᠥᠯ ᠤᠨ ᠴᠥ᠋ ᠰᠢᠨ᠎ᠡ ᠤᠷᠤᠨ ᠬᠡᠪᠴᠢᠶᠡᠨ ᠤ | ᠵᠤᠬᠢᠴᠠᠯᠳᠤ ᠭᠥᠭᠵᠢᠭᠦᠯᠥᠯᠳᠡ ᠶᠢᠨ ᠰᠡᠳᠬᠢᠮᠵᠢ ᠪᠠ ᠵᠠᠭᠪᠤᠷ ᠪᠣᠯᠣᠨ᠎ᠠ᠃ | 15. ︽ᠲᠠᠯᠪᠢᠬᠤ ᠬᠠᠮᠢᠶᠠᠷᠬᠤ ᠥᠢᠯᠡᠴᠢᠯᠡᠭᠦ︾ ᠥᠭᠡᠷᠡᠴᠢᠯᠡᠯᠳᠡ᠄ ᠵᠠᠰᠠᠭ ᠢ ᠴᠤᠮᠬᠠᠳᠬᠠᠨ ᠡᠷᠭᠡ ᠶᠢ | ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠥᠢᠯᠡᠴᠢᠯᠡᠭᠡ ᠶᠢ ᠰᠢᠯᠢᠳᠡᠭᠵᠢᠭᠦᠯᠭᠦ ᠶᠢᠨ ᠲᠤᠪᠴᠢ | ᠨᠡᠷᠡᠶᠢᠳᠤᠯ᠃ ︽ᠲᠠᠯᠪᠢᠬᠤ︾ ᠵᠠᠰᠠᠭ ᠢ ᠴᠤᠮᠬᠠᠳᠬᠠᠨ ᠡᠷᠭᠡ ᠶᠢ ᠲᠠᠯᠪᠢᠵᠤ᠂ ᠵᠥᠪᠰᠢᠶᠡᠷᠡᠯ ᠤᠨ ᠪᠠᠷᠢᠮᠵᠢᠶ᠎ᠠ ᠶᠢ | ᠰᠤᠯᠠᠳᠬᠠᠬᠤ︔ ︽ᠬᠠᠮᠢᠶᠠᠷᠬᠤ︾ ᠭᠡᠭᠴᠢ ᠲᠥᠪ ᠭᠤᠤᠯᠴᠢ ᠪᠠᠷ ᠬᠢᠨᠠᠯᠳᠠ ᠬᠠᠮᠢᠶᠠᠷᠤᠯᠳᠠ ᠶᠢ ᠭᠥᠢᠴᠡᠳᠭᠡᠨ ᠡᠷᠭᠡ | ᠲᠡᠭᠰᠢ ᠥᠷᠢᠰᠥᠭᠦᠯᠭᠦ︔ ︽ᠥᠢᠯᠡᠴᠢᠯᠡᠭᠦ︾ ᠭᠡᠭᠴᠢ ᠥᠨᠳᠥᠷ ᠪᠥᠳᠥᠮᠵᠢᠳᠡᠢ ᠥᠢᠯᠡᠴᠢᠯᠡᠭᠡ ᠬᠠᠩᠭᠠᠨ᠂ ᠲᠠᠶᠠᠭᠠᠷ | ᠲᠤ ᠲᠥᠭᠦᠮ ᠲᠥᠳᠡ ᠥᠵᠡᠭᠦᠯᠭᠦ ᠶᠢ ᠵᠢᠭᠠᠵᠤ ᠪᠤᠢ᠃ | 16. ᠭᠤᠷᠪᠠᠨ ᠠᠯᠪᠠᠨ ᠵᠠᠷᠣᠳᠠᠯ᠄ ᠭᠡᠭᠴᠢ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠠᠵᠢᠯᠳᠠᠳ ᠤᠨ | ᠠᠯᠪᠠᠨ ᠵᠠᠷᠣᠳᠠᠯ ᠢᠶᠠᠷ ᠭᠠᠳᠠᠭᠠᠳᠦ ᠳᠤ ᠭᠠᠷᠬᠤ᠂ ᠠᠯᠪᠠᠨ ᠲᠡᠷᠭᠡ ᠬᠤᠳᠠᠯᠳᠣᠨ ᠠᠪᠬᠤ ᠵᠢᠴᠢ ᠠᠷᠠᠴᠢᠯᠠᠬᠤ ᠵᠠᠷᠣᠳᠠᠯ | ᠂ ᠠᠯᠪᠠᠨ ᠤ ᠬᠦᠯᠢᠶᠠᠨ ᠵᠣᠴᠢᠯᠠᠭ᠎ᠠ ᠳᠤ ᠭᠡᠷᠡᠭᠯᠡᠭᠦ ᠵᠠᠷᠣᠳᠠᠯ ᠢ ᠵᠢᠭᠠᠵᠤ ᠪᠤᠢ᠃ | ᠵᠡᠭᠦᠯᠳᠠ᠄ ᠨᠡᠷ᠎ᠡ ᠥᠭᠡᠰ ᠤᠨ ᠲᠠᠶᠢᠯᠪᠣᠷᠢᠯᠠᠯ ᠢ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ | ᠢᠯᠡᠷᠡᠭᠰᠡᠨ ᠲᠠᠷᠠᠭᠠᠯᠠᠯ ᠢᠶᠠᠷ ᠵᠢᠭᠰᠠᠭᠠᠪᠠ᠃ | | |