ᠤᠳᠤᠭ ᠤᠨ ᠡᠮᠤᠨᠡᠳᠤ ᠬᠤᠰᠢᠭᠤᠨ ᠤ 2015 ᠤᠨ ᠤ ᠤᠯᠤᠰ ᠠᠷᠠᠤᠨ ᠤᠨ ᠠᠵᠤ ᠠᠬᠤᠢ | ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2016 | ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ | ᠲᠦᠰᠤᠯ ᠤᠨ ᠮᠡᠳᠡᠬᠦᠯᠤᠯᠳᠠ | — 2016 ᠤᠨ 1 ᠰᠠᠷ᠎ᠠ ᠶᠢᠨ 31 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ | ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠠᠪᠣᠳᠦᠭᠠᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ | | ᠲᠦᠯᠤᠬᠡᠯᠡᠭᠴᠢᠤᠨ ᠡ ᠄ | ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ | 2015 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ | ᠬᠡᠷᠡᠭᠵᠢᠬᠦᠯᠦᠭᠰᠡᠨ ᠪᠠᠶᠢᠳᠠᠯ ᠬᠢᠬᠡᠤᠨ 2016 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ | ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ | ᠳᠡᠪᠰᠢᠬᠦᠯᠬᠦ ᠪᠤᠯᠪᠠᠤ᠃ | ᠨᠢᠬᠡ᠂ 2015 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ | ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2015 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠦᠳᠦ ᠤᠳᠤᠷᠢᠳᠤᠯᠭ᠎ᠠ | ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ | ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ ᠪᠦᠬᠦ ᠬᠤᠰᠢᠭᠤ ᠪᠠᠷ ᠢᠶᠠᠨ ᠲᠦᠪ᠂ ᠦᠪᠡᠷᠳᠡᠭᠡᠨ ᠵᠠᠰᠠᠬᠤ ᠣᠷᠣᠨ᠂ | ᠪᠦᠬᠦ ᠬᠤᠳᠠ ᠶᠢᠨ ᠡᠯ᠎ᠡ ᠲᠦᠷᠦᠯ ᠤᠨ ᠰᠢᠢᠳᠪᠥᠷᠢ ᠪᠠᠶᠢᠷᠢᠰᠢᠯᠠᠭᠤᠯᠤᠯᠳᠠ ᠶᠢ ᠭᠥᠨᠵᠡᠭᠡᠢ ᠨᠠᠶᠢᠳᠠᠪᠤᠷᠢᠵᠢᠭᠤᠯᠤᠨ᠂ | ᠯᠠᠪᠳᠠᠭᠤᠨ ᠢᠶᠠᠷ ᠣᠷᠣᠭᠰᠢᠯᠠᠵᠣ᠂ ᠠᠵᠣ ᠠᠬᠤᠢ ᠶᠢᠨ ᠬᠦᠭᠵᠢᠯᠳᠠ ᠶᠢᠨ ᠰᠢᠨ᠎ᠡ ᠬᠡᠪ ᠪᠠᠶᠢᠳᠠᠯ ᠲᠤ ᠰᠠᠨᠠᠭᠠᠴᠢᠯᠠᠭ᠎ᠠ | ᠲᠠᠢ ᠵᠣᠬᠢᠴᠠᠨ ᠯᠠᠪᠳᠠᠭᠤᠨ ᠨᠡᠮᠡᠭᠳᠡᠯ᠂ ᠦᠭᠡᠷᠡᠴᠢᠯᠡᠯᠳᠠ ᠠᠬᠢᠭᠤᠯᠣᠯ᠂ ᠪᠦᠳᠦᠴᠠ ᠶᠢᠨ ᠲᠣᠬᠢᠷᠠᠭᠤᠯᠣᠯᠳᠠ᠂ ᠠᠷᠠᠳ | ᠤᠨ ᠠᠮᠢᠳᠣᠷᠠᠯ ᠳᠤ ᠬᠦᠴᠦᠯᠡᠵᠣ᠂ ᠬᠤᠰᠢᠭᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠢᠶᠠᠷ ᠲᠤᠭᠳᠠᠭᠠᠭᠰᠠᠨ ᠡᠯ᠎ᠡ ᠲᠥᠷᠥᠯ ᠤᠨ ᠬᠠᠷᠠᠯᠳᠠ ᠡᠭᠦᠷᠭᠡ ᠶᠢ | ᠨᠡᠯᠢᠶᠡᠳ ᠰᠠᠶᠢᠨ ᠪᠡᠶᠡᠯᠡᠭᠦᠯᠵᠣ᠂ ︽ᠠᠷᠪᠠᠨ ᠬᠤᠶᠠᠳᠦᠭᠠᠷ ᠲᠠᠪᠣᠨ ᠵᠢᠯ︾ ᠤᠨ ᠲᠦᠯᠦᠪᠵᠢᠭᠦᠯᠭᠡ ᠪᠠᠨ ᠠᠮᠵᠢᠯᠳᠠ | ᠲᠠᠢ ᠪᠡᠶᠡᠯᠡᠭᠦᠯᠥᠭᠰᠡᠨ ᠪᠠᠶᠢᠨ᠎ᠠ᠃ | ︵ᠨᠢᠭᠡ︶ ᠠᠵᠤ ᠠᠬᠤᠢ ᠲᠣᠭᠳᠠᠭᠤᠨ ᠢᠶᠠᠷ ᠨᠡᠮᠡᠭᠳᠡᠵᠣ᠂ ᠭᠥᠭᠵᠢᠯᠳᠡ ᠶᠢᠨ ᠪᠣᠳᠠᠳᠦ ᠣᠯᠠᠮ ᠴᠢᠩᠭᠠᠳᠪᠠ᠃ | ᠠᠵᠣ ᠠᠬᠤᠢ ᠲᠣᠮᠳᠠ ᠲᠡᠭᠡᠳᠦ ᠬᠤᠷᠳᠣᠴᠠ ᠶᠢᠨ ᠨᠡᠮᠡᠭᠳᠡᠯ ᠢᠶᠠᠷ ᠪᠠᠳᠣᠯᠠᠵᠣ᠂ ᠠᠵᠣ ᠠᠬᠤᠢ ᠶᠢᠨ ᠭᠤᠣᠯ ᠵᠢᠭᠠᠯᠳᠠ | ᠶᠢᠨ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠳᠡᠷᠢᠬᠦᠨ ᠤ ᠡᠩᠨᠡᠬᠡᠨ ᠳᠤ ᠤᠷᠤᠪᠠ᠃ ᠪᠥᠭᠦ ᠬᠤᠰᠢᠭᠤᠨ ᠤ | ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 9.7% ᠨᠡᠮᠡᠭᠳᠡᠵᠣ᠂ ᠨᠡᠮᠡᠭᠳᠡᠯ ᠤᠨ ᠬᠤᠷᠳᠣᠴᠠ | ᠪᠦᠬᠦ ᠬᠤᠳᠠ ᠳᠤ ᠪᠠᠨ ᠲᠡᠷᠢᠭᠦᠯᠡᠨ᠂ 129 ᠳ᠋ᠥᠩᠰᠢᠭᠤᠷ ᠲᠦᠬᠦᠷᠢᠭ ᠲᠤ ᠬᠦᠷᠪᠡ᠃ ᠡᠭᠦᠨ ᠳᠤ᠂ ᠨᠢᠭᠡᠳᠦᠭᠡᠷ | ᠠᠵᠣ ᠣᠶᠢᠯᠠᠰ ᠤᠨ ᠨᠡᠮᠡᠭᠳᠠᠯ ᠦᠷᠳᠡᠭ 3.6% ᠨᠡᠮᠡᠭᠳᠡᠵᠣ᠂ ᠨᠡᠮᠡᠭᠳᠡᠯ ᠦᠷᠳᠡᠭ 11.45 ᠳ᠋ᠥᠩᠰᠢᠭᠤᠷ | ᠲᠥᠭᠦᠷᠢᠭ ᠪᠣᠯᠪᠠ︔ ᠬᠤᠶᠠᠳᠦᠭᠠᠷ ᠠᠵᠣ ᠣᠶᠢᠯᠠᠰ 11% ᠨᠡᠮᠡᠭᠳᠡᠵᠣ᠂ ᠨᠡᠮᠡᠭᠳᠠᠯ ᠦᠷᠳᠡᠭ80.18 | ᠳ᠋ᠥᠩᠰᠢᠭᠤᠷ ᠲᠦᠬᠦᠷᠢᠭ ᠪᠣᠯᠪᠠ︔ ᠭᠤᠷᠪᠠᠳᠦᠭᠠᠷ ᠠᠵᠣ ᠣᠶᠢᠯᠠᠰ 8.6% ᠨᠡᠮᠡᠭᠳᠡᠵᠣ᠂ ᠨᠡᠮᠡᠭᠳᠡᠯ ᠦᠷᠳᠡᠭ 37. | 4 ᠳ᠋ᠥᠩᠰᠢᠭᠤᠷ ᠲᠦᠭᠦᠷᠢᠭ ᠪᠣᠯᠪᠠ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 16% ᠨᠡᠮᠡᠭᠳᠡᠵᠣ᠂ | ᠨᠡᠮᠡᠭᠳᠡᠯ ᠤᠨ ᠬᠤᠷᠳᠣᠴᠠ ᠪᠦᠬᠦ ᠬᠤᠳᠠ ᠳᠤ ᠪᠠᠨ ᠲᠡᠷᠢᠭᠦᠯᠡᠨ 232 ᠳ᠋ᠥᠩᠰᠢᠭᠤᠷ ᠲᠥᠭᠦᠷᠢᠭ ᠲᠤ ᠬᠦᠷᠪᠡ᠃ | ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ 8.9% ᠨᠡᠮᠡᠭᠳᠡᠵᠣ᠂ ᠨᠡᠮᠡᠭᠳᠡᠯ ᠤᠨ ᠬᠤᠷᠳᠣᠴᠠ | ᠪᠦᠬᠦ ᠬᠤᠳᠠ ᠶᠢᠨ ᠬᠤᠶᠠᠳᠦᠭᠠᠷ ᠲᠤ ᠣᠷᠣᠵᠣ 16 ᠳ᠋ᠥᠩᠰᠢᠭᠤᠷ ᠲᠥᠭᠦᠷᠢᠭ ᠬᠦᠷᠪᠡ︔ ᠬᠤᠳᠠ ᠪᠠᠯᠭᠠᠰᠦ ᠶᠢᠨ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠣᠳᠣᠮ ᠤᠨ ᠡᠵᠡᠮᠳᠡᠵᠥ ᠪᠤᠯᠬᠤ ᠤᠷᠤᠯᠭ᠎ᠠ 7.4% ᠨᠡᠮᠡᠭᠳᠡᠵᠣ᠂ | ᠨᠡᠮᠡᠭᠳᠡᠯ ᠤᠨ ᠬᠤᠷᠳᠣᠴᠠ ᠪᠦᠬᠦ ᠬᠤᠳᠠ ᠳᠤ ᠪᠠᠨ ᠲᠠᠷᠢᠭᠦᠯᠡᠨ᠂ 35545 ᠲᠥᠭᠦᠷᠢᠭ ᠬᠦᠷᠪᠡ︔ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠣᠳᠣᠮ ᠤᠨ ᠡᠵᠡᠮᠳᠡᠵᠥ ᠪᠤᠯᠬᠤ | ᠤᠷᠤᠯᠭ᠎ᠠ 7.6% ᠨᠡᠮᠡᠭᠳᠡᠵᠣ᠂ 14501 ᠲᠦᠭᠦᠷᠢᠭ ᠬᠦᠷᠴᠦ᠂ ᠵᠠᠯᠭᠠᠪᠡᠷ 11 ᠵᠢᠯ ᠪᠦᠬᠦ ᠬᠤᠳᠠ ᠳᠤ ᠪᠠᠨ | ᠲᠡᠷᠢᠭᠦᠯᠡᠪᠡ᠃ | ︵ᠬᠤᠶᠠᠷ︶ ᠠᠵᠣ ᠣᠶᠢᠯᠠᠰ ᠤᠨ ᠪᠦᠳᠦᠴᠡ ᠲᠠᠰᠣᠷᠠᠯᠳᠠ ᠦᠭᠡᠢ ᠰᠢᠯᠢᠳᠡᠭᠵᠢᠵᠣ᠂ ᠬᠦᠭᠵᠢᠯᠳᠠ ᠶᠢᠨ ᠴᠢᠨᠠᠷ | ᠦᠷ᠎ᠡ ᠠᠰᠢᠭ ᠲᠣᠭᠳᠠᠭᠤᠨ ᠢᠶᠠᠷ ᠲᠡᠭᠡᠭᠰᠢᠯᠡᠪᠡ᠃ ᠬᠡᠯᠪᠡᠷᠢ ᠪᠠᠨ ᠬᠤᠪᠢᠷᠠᠭᠤᠯᠬᠤ ᠬᠦᠭᠵᠢᠭᠦᠯᠦᠯᠳᠠ ᠶᠢ ᠬᠦᠴᠦᠳᠠᠢ | ᠠᠬᠢᠭᠤᠯᠵᠣ᠂ ᠠᠵᠣ ᠣᠶᠢᠯᠠᠰ ᠤᠨ ᠬᠦᠭᠵᠢᠯᠳᠠ ᠶᠢᠨ ᠦᠵᠡᠯᠳᠠ ᠶᠢ ᠢᠳᠡᠪᠬᠢᠳᠠᠢ ᠬᠤᠪᠢᠷᠠᠭᠤᠯᠣᠨ᠂ ᠠᠵᠣ | ᠣᠶᠢᠯᠠᠰ ᠤᠨ ᠪᠦᠳᠦᠴᠠ ᠶᠢ ᠰᠢᠯᠢᠳᠡᠭᠵᠢᠭᠦᠯᠵᠣ᠂ ᠠᠵᠣ ᠠᠬᠤᠢ ᠶᠢᠨ ᠬᠦᠭᠵᠢᠯᠳᠠ ᠳᠤ ᠠᠮᠢᠳᠣᠯᠢᠭ ᠬᠦᠴᠦᠨ | ᠣᠯᠭᠤᠵᠣ᠂ ᠬᠦᠭᠵᠢᠯᠳᠠ ᠶᠢᠨ ᠰᠢᠨ᠎ᠠ ᠴᠢᠳᠠᠪᠬᠢ ᠶᠢ ᠪᠠᠳᠠᠷᠠᠭᠤᠯᠪᠠ᠃ | —— ᠮᠠᠯ ᠲᠠᠷᠢᠶᠠᠯᠠᠩ ᠤᠨ ᠣᠳᠣᠬᠢᠴᠢᠯᠠᠭᠰᠠᠨ ᠠᠬᠢᠴᠠ ᠲᠦᠷᠭᠡᠳᠪᠡ᠃ ᠬᠡᠪᠴᠢᠶᠡᠵᠢᠭᠦᠯᠣᠨ | ᠣᠶᠢᠯᠠᠳᠪᠦᠷᠢᠯᠠᠬᠦ᠂ ᠠᠵᠣ ᠣᠶᠢᠯᠠᠰᠵᠢᠭᠦᠯᠦᠨ ᠡᠵᠡᠩᠨᠡᠬᠦ᠂ ᠨᠠᠷ᠎ᠡ ᠲᠡᠮᠳᠡᠭᠴᠢᠯᠠᠨ ᠣᠷᠣᠯᠭ᠎ᠠ ᠪᠠᠨ ᠨᠡᠮᠡᠭᠳᠡᠬᠦᠯᠬᠦ ᠪᠠᠷ | ᠭᠤᠣᠯ ᠪᠣᠯᠭᠠᠵᠣ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠰᠢᠨᠵᠢᠯᠡᠭᠡ ᠮᠡᠷᠭᠡᠵᠢᠯ ᠤᠨ ᠠᠭᠤᠯᠣᠭᠳᠠᠴᠠ ᠶᠢ | ᠨᠡᠮᠡᠭᠳᠡᠬᠦᠯᠵᠣ᠂ ᠵᠠᠬ᠎ᠠ ᠲᠡᠯᠭᠡᠭᠦᠷ ᠤᠨ ᠣᠷᠣᠨ ᠵᠠᠢ ᠶᠢ ᠦᠷᠭᠡᠳᠬᠡᠨ ᠮᠠᠯ ᠲᠠᠷᠢᠶᠠᠯᠠᠩ ᠤᠨ ᠪᠦᠳᠦᠭᠳᠡᠭᠦᠨ ᠤ | ᠬᠦᠨᠦᠭᠡᠯ ᠦᠭᠡᠢ ᠪᠣᠬᠢᠷᠳᠣᠯ ᠦᠭᠡᠢ ᠣᠶᠢᠯᠠᠳᠪᠦᠷᠢᠯᠠᠯ ᠢ ᠠᠬᠢᠭᠤᠯᠪᠠ᠃ ᠲᠣᠯᠣᠭᠠᠶᠢᠯᠠᠬᠤ ᠠᠵᠣ ᠠᠬᠤᠢ ᠶᠢ | ᠬᠦᠭᠵᠢᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠣᠶᠢᠯᠠᠳᠪᠦᠷᠢᠯᠡᠬᠦ᠂ ᠪᠣᠯᠪᠠᠰᠣᠷᠠᠭᠤᠯᠬᠤ᠂ ᠭᠦᠢᠯᠭᠡᠭᠡᠬᠦ ᠨᠢᠭᠡ | ᠪᠦᠯᠦᠭ ᠲᠣᠯᠣᠭᠠᠶᠢᠯᠠᠭᠴᠢ ᠠᠵᠣ ᠠᠬᠤᠶᠢᠯᠠᠯ ᠢ ᠡᠬᠢᠯᠡᠨ ᠪᠠᠶᠢᠭᠤᠯᠵᠣ᠂ ︽ᠲᠣᠯᠣᠭᠠᠶᠢᠯᠠᠭᠴᠢ ᠪᠠᠷ ᠲᠠᠶᠢᠴᠢᠯᠠᠬᠤ︾ | ᠠᠵᠣ ᠣᠶᠢᠯᠠᠰ ᠤᠨ ᠬᠦᠭᠵᠢᠯᠳᠠ ᠶᠢᠨ ᠵᠠᠭᠪᠣᠷ ᠢ ᠪᠦᠷᠢᠯᠳᠦᠭᠦᠯᠵᠣ᠂ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠬᠤ | ᠬᠡᠪᠴᠢᠶᠡᠵᠢᠯ ᠢ ᠲᠠᠰᠣᠷᠠᠯᠳᠠ ᠦᠭᠡᠢ ᠦᠷᠭᠡᠳᠬᠡᠪᠡ᠃ ᠨᠢᠭᠡ ᠪᠦᠯᠦᠭ ᠣᠷᠣᠨ ᠨᠣᠳᠤᠭ ᠤᠨ ᠦᠪᠡᠷᠮᠢᠴᠠ ᠨᠡᠷᠡᠳᠦ | ᠲᠡᠮᠳᠡᠭ ᠢ ᠪᠣᠶᠢᠵᠢᠭᠤᠯᠵᠣ᠂ ᠣᠨᠴᠠᠯᠢᠭᠳᠦ ᠠᠵᠣ ᠠᠬᠤᠢ ᠶᠢᠨ ᠲᠠᠷᠢᠮᠠᠯ ᠤᠨ ᠲᠠᠯᠠᠪᠡᠢ ᠶᠢ 6 ᠲᠦᠮᠡᠨ ᠮᠣ᠋ ᠬᠦᠷᠭᠡᠵᠣ | ᠂ ᠮᠠᠯ ᠲᠠᠷᠢᠶᠠᠯᠠᠩ ᠤᠨ ᠨᠡᠷᠡᠳᠦ ᠲᠡᠮᠳᠡᠭᠴᠢᠯᠠᠯᠳᠠ ᠲᠠᠰᠣᠷᠠᠯᠳᠠ ᠦᠭᠡᠢ ᠲᠡᠭᠡᠭᠰᠢᠯᠡᠪᠡ᠃ ᠮᠠᠨ ᠤ ᠬᠤᠰᠢᠭᠤ ᠪᠦᠬᠦ | ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠪᠦᠬᠦ ᠠᠵᠣ ᠣᠶᠢᠯᠠᠰ ᠤᠨ ᠬᠡᠯᠬᠢᠶ᠎ᠡ ᠶᠢᠨ ᠭᠡᠳᠡᠷᠬᠦ ᠨᠡᠭᠡᠮᠵᠢᠯᠡᠬᠦ | ᠰᠢᠰᠲ᠋ᠧᠮ ᠪᠣᠯᠣᠨ ᠮᠠᠯ ᠠᠵᠣ ᠠᠬᠤᠢ ᠶᠢᠨ ᠪᠦᠬᠦ ᠶᠠᠪᠣᠴᠠ ᠶᠢ ᠮᠠᠰᠢᠨᠴᠢᠯᠠᠬᠤ ᠲᠣᠷᠰᠢᠯᠳᠠ ᠶᠢᠨ ᠬᠤᠰᠢᠭᠤ ᠪᠠᠷ | ᠲᠣᠭᠳᠠᠭᠠᠭᠳᠠᠵᠣ᠂ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠮᠣᠩᠭᠤᠯ ᠤᠨ ᠦᠨᠳᠦᠷᠯᠢᠭ ᠤᠨ ᠨᠣᠣᠯᠣᠭᠤᠷ | ᠤᠨ ᠢᠮᠠᠭᠠᠨ ᠤ ᠠᠮᠢ ᠠᠬᠤᠶᠢᠴᠢ ᠠᠷᠠᠴᠢᠯᠠᠭ᠎ᠠ ᠶᠢᠨ ᠣᠯᠣᠰ ᠠᠯᠣᠰᠯᠠᠭᠰᠠᠨ ᠠᠺᠠᠳᠧᠮᠢᠴᠢ ᠠᠵᠢᠯ ᠤᠨ ᠦᠷᠳᠡᠭᠡ ᠶᠢ | ᠪᠠᠶᠢᠭᠤᠯᠪᠠ᠃ ᠮᠠᠰᠢᠨᠴᠢᠯᠠᠭᠰᠠᠨ ᠣᠶᠢᠯᠠᠳᠪᠦᠷᠢᠯᠠᠯ ᠪᠣᠯᠣᠨ ᠠᠷᠪᠢᠳᠠᠢ ᠣᠰᠣᠯᠠᠯᠳᠠ ᠶᠢᠨ ᠮᠡᠷᠭᠡᠵᠢᠯ ᠢ ᠡᠷᠴᠢᠮᠳᠠᠢ | ᠲᠡᠯᠭᠡᠷᠡᠭᠦᠯᠵᠣ᠂ ᠮᠠᠯᠴᠢᠨ ᠲᠠᠷᠢᠶᠠᠴᠢᠳ ᠢ ᠲᠠᠶᠢᠴᠢᠯᠠᠨ ᠣᠶᠢᠯᠠᠳᠪᠦᠷᠢᠯᠠᠯ ᠢᠶᠠᠨ ᠲᠣᠭᠳᠠᠪᠦᠷᠢᠵᠢᠭᠤᠯᠣᠨ ᠣᠷᠣᠯᠭ᠎ᠠ | ᠪᠠᠨ ᠨᠡᠮᠡᠭᠳᠡᠭᠦᠯᠦᠨ᠂ ᠪᠦᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ ᠶᠢ 236 ᠲᠦᠮᠡ ᠬᠦᠷᠭᠡᠵᠣ᠂ ᠮᠠᠯ ᠤᠨ | ᠪᠣᠷᠣᠯᠠᠭᠤᠯᠭ᠎ᠠ ᠶᠢ 143 ᠲᠦᠮᠡ ᠬᠦᠷᠭᠡᠪᠡ᠃ | —— ᠠᠵᠣ ᠣᠶᠢᠯᠠᠳᠪᠦᠷᠢ ᠶᠢᠨ ᠭᠤᠣᠯᠯᠠᠬᠤ ᠪᠠᠶᠢᠷᠢ ᠨᠡᠩ ᠲᠣᠪᠣᠶᠢᠪᠠ᠃ ᠪᠦᠬᠦ ᠬᠤᠰᠢᠭᠤᠨ ᠤ ᠠᠵᠣ | ᠣᠶᠢᠯᠠᠳᠪᠦᠷᠢ ᠶᠢᠨ ᠶᠡᠷᠦᠩᠭᠡᠢ ᠣᠶᠢᠯᠠᠳᠪᠦᠷᠢᠯᠠᠯ ᠤᠨ ᠦᠷᠳᠡᠭ 13.9% ᠨᠡᠮᠡᠭᠳᠡᠵᠣ᠂ 280 ᠳ᠋ᠥᠩᠰᠢᠭᠤᠷ | ᠲᠦᠬᠦᠷᠢᠭ ᠲᠤ ᠬᠦᠷᠪᠡ᠃ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ 13.6% ᠬᠦᠷᠴᠤ᠂ 63.58 | ᠳ᠋ᠦᠩᠰᠢᠭᠤᠷ ᠲᠦᠬᠦᠷᠢᠭ ᠲᠤ ᠬᠦᠷᠪᠠ᠃ ᠴᠠᠬᠢᠯᠭᠠᠨ ᠬᠦᠴᠤᠨ ᠤ ᠲᠦᠷᠤᠯ ᠵᠦᠢᠯ ᠤᠨ ᠪᠠᠶᠢᠭᠤᠯᠤᠯᠳᠠ ᠯᠠᠪᠳᠠᠭᠤᠨ | ᠠᠬᠢᠵᠤ᠂ ᠱᠠᠩᠬᠠᠢ ᠶᠢᠨ ᠰᠥᠮ᠎ᠡ ᠠᠴᠠ ᠱᠠᠨᠳᠦ᠋ᠩ ᠬᠦᠷᠭᠦ ᠣᠨᠴᠠ ᠦᠨᠳᠦᠷ ᠲᠠᠷᠣᠯᠳᠠᠳᠦ ᠴᠠᠬᠢᠯᠭᠠᠨ ᠬᠦᠷᠭᠡᠯᠳᠠ | ᠶᠢᠨ ᠱᠣᠭᠤᠮ ᠣᠯᠣᠰ ᠤᠨ ᠦᠭᠡᠷᠡᠴᠢᠯᠡᠯᠳᠠ ᠬᠦᠭᠵᠢᠭᠦᠯᠦᠯᠳᠠ ᠶᠢᠨ ᠵᠦᠪᠯᠠᠯ ᠤᠨ ᠵᠦᠪᠰᠢᠶᠠᠷᠠᠯ ᠢ ᠣᠯᠵᠣ ᠪᠠᠷᠢᠯᠭ᠎ᠠ | ᠡᠬᠢᠯᠡᠨ᠂ ᠣᠯᠣᠰ ᠤᠨ ᠴᠠᠬᠢᠯᠭᠠᠨ ᠤ ᠱᠤᠸᠠᠩ ᠸᠧᠢ᠂ ᠱᠧᠨ ᠬᠤᠸᠠ ᠣᠯᠣᠰ ᠤᠨ ᠡᠨᠧᠷᠬᠢ᠂ ᠱᠧᠩ ᠯᠣ᠋ ᠡᠨᠧᠷᠬᠢ | ᠬᠢᠮᠢ᠂ ᠪᠧᠢ ᠹᠧᠩ ᠬᠤᠯᠪᠣᠭᠠᠳᠦ ᠴᠠᠬᠢᠯᠭᠠᠨ᠂ ᠣᠯᠣᠰ ᠤᠨ ᠴᠠᠬᠢᠯᠭᠠᠨ ᠡᠨᠧᠷᠬᠢ ᠶᠢᠨ 5 ᠶᠡᠷᠦᠩᠬᠡᠢ ᠮᠠᠰᠢᠨ | ᠴᠣᠭᠴᠠᠯᠠᠪᠦᠷᠢ ᠶᠢᠨ ᠬᠡᠪᠴᠢᠶᠡᠵᠢᠯ 1000 ᠲᠦᠮᠡᠨ ᠺᠢᠯᠤᠸᠠᠲ ᠤᠨ ᠨᠡᠬᠦᠷᠡᠰᠤᠨ ᠴᠠᠬᠢᠯᠭᠠᠨ ᠤ ᠲᠦᠷᠦᠯ ᠵᠣᠶᠢᠯ | ᠮᠡᠷᠭᠡᠵᠢᠯᠳᠠᠨ ᠤ ᠦᠨᠡᠯᠡᠯᠳᠠ ᠶᠢ ᠲᠠᠮᠵᠢᠪᠠ᠃ ᠷᠦᠨ ᠪᠦᠸᠧ ᠶᠢᠨ 33 ᠰᠡᠶᠡ ᠸᠠᠲ ᠤᠨ ᠨᠠᠷᠠᠨ ᠴᠠᠬᠢᠯᠭᠠᠨ ᠤ | ᠲᠦᠷᠤᠯ ᠵᠦᠢᠯ ᠢ ᠴᠠᠬᠢᠯᠭᠠᠨ ᠬᠦᠴᠤᠨ ᠤ ᠳᠤᠤᠷ ᠲᠤ ᠠᠰᠢᠭᠯᠠᠨ᠂ ᠰᠢᠨ᠎ᠠ ᠡᠨᠧᠷᠬᠢ ᠶᠢᠨ ᠶᠡᠷᠤᠩᠬᠡᠶᠢᠯᠡᠭᠰᠡᠨ | ᠠᠰᠢᠭᠯᠠᠯᠳᠠ ᠶᠢᠨ ᠲᠦᠷᠤᠯ ᠵᠦᠢᠯ ᠤᠨ ᠭᠠᠵᠠᠷ ᠰᠤᠩᠭᠤᠬᠤ ᠵᠡᠷᠬᠡ ᠡᠮᠤᠨ᠎ᠠ ᠬᠤᠭᠤᠴᠠᠭᠠᠨ ᠤ ᠠᠵᠢᠯ ᠢ | ᠲᠦᠷᠬᠡᠤᠨᠬᠡᠪᠠ᠃ ᠬᠤᠸᠠ ᠰᠢᠩ ᠤᠨ 40 ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ ᠤᠨ ᠨᠡᠭᠦᠷᠡᠰᠤ ᠪᠠᠷ | ᠰᠢᠳᠠᠮᠠᠬᠠᠢ ᠭᠡᠢ ᠥᠢᠯᠡᠳᠭᠦ ᠲᠥᠷᠥᠯ ᠵᠣᠶᠢᠯ ᠤᠨ ᠣᠰᠣᠨ ᠰᠣᠷᠪᠣᠯᠵᠢ ᠶᠢᠨ ᠨᠤᠳᠠᠯᠠᠯᠳᠠ ᠶᠢᠨ ᠮᠡᠳᠡᠭᠦᠯᠦᠯᠳᠠ | ᠣᠶᠢᠷ᠎ᠠ ᠶᠢᠨ ᠬᠤᠭᠤᠴᠠᠭᠠᠨ ᠳᠤ ᠵᠦᠪᠰᠢᠶᠡᠷᠡᠯ ᠣᠯᠬᠤ ᠪᠠᠷ ᠪᠣᠯᠵᠣ᠂ ᠨᠡᠭᠦᠷᠡᠰᠦ ᠵᠡᠷᠭᠡ ᠬᠦᠴᠦᠨ ᠵᠣᠶᠢᠯ ᠤᠨ | ᠪᠠᠳᠣᠯᠠᠭ᠎ᠠ ᠶᠢ ᠡᠳᠦᠭᠡ ᠶᠠᠭ ᠨᠠᠶᠢᠳᠡᠪᠦᠷᠢᠭᠤᠯᠵᠣ ᠪᠣᠢ᠃ ᠰᠧᠨ ᠲᠠᠢ 40 ᠲᠦᠮᠡᠨ ᠲᠣᠨ LNG ᠲᠦᠷᠦᠯ ᠵᠣᠶᠢᠯ | ᠤᠨ ᠨᠢᠭᠡᠳᠦᠭᠡᠷ ᠬᠤᠭᠤᠴᠠᠭ᠎ᠠ ᠠᠰᠢᠭᠯᠠᠯᠳᠠ ᠶᠢ ᠣᠷᠣᠵᠣ᠂ ᠱᠢ ᠳ᠋ᠠ ᠪᠣᠬᠢᠷᠳᠣᠯ ᠦᠭᠡᠢ ᠡᠨᠧᠷᠬᠢ ᠶᠢᠨ 20 ᠲᠦᠮᠡᠨ | ᠲᠣᠨ ᠤ ᠨᠢᠭᠡᠳᠦᠭᠡᠷ ᠬᠤᠭᠤᠴᠠᠭ᠎ᠠ᠂ ᠺᠧ ᠰᠢ 40 ᠲᠦᠮᠡᠨ ᠲᠣᠨ᠂ ᠶᠠ ᠬᠠᠢ 60 ᠲᠦᠮᠡᠨ ᠲᠣᠨ LNG ᠤᠨ | ᠨᠢᠭᠡᠳᠦᠭᠡᠷ ᠬᠤᠭᠤᠴᠠᠭ᠎ᠠ ᠵᠡᠷᠬᠡ ᠰᠢᠳᠠᠮᠠᠬᠠᠢ ᠬᠡᠢ ᠰᠢᠩᠭᠡᠨᠵᠢᠭᠦᠯᠬᠦ ᠲᠦᠷᠦᠯ ᠵᠣᠶᠢᠯ ᠣᠷᠣᠭᠰᠢᠳᠠᠢ ᠶᠠᠪᠣᠭᠳᠠᠪᠠ᠃ | ᠪᠦᠬᠦ ᠬᠤᠰᠢᠭᠤᠨ ᠤ ᠨᠡᠭᠦᠷᠡᠰᠦᠨ ᠭᠠᠷᠣᠯᠳᠠ 1000 ᠲᠦᠮᠡᠨ ᠲᠣᠨ᠂ ᠨᠡᠭᠦᠷᠡᠰᠦ ᠬᠢᠮᠢ ᠶᠢᠨ ᠭᠠᠷᠣᠯᠳᠠ 110 | ᠲᠦᠮᠡᠨ ᠲᠣᠨ᠂ ᠰᠢᠳᠠᠮᠠᠬᠠᠢ ᠬᠡᠢ ᠶᠢᠨ ᠭᠠᠷᠣᠯᠳᠠ 49 ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ ᠬᠦᠷᠪᠡ᠃ | —— ᠣᠳᠣ ᠦᠶ᠎ᠡ ᠶᠢᠨ ᠣᠶᠢᠯᠠᠴᠢᠯᠡᠭᠡᠨ ᠤ ᠣᠶᠢᠯᠠᠰ ᠲᠦᠷᠭᠡᠨ ᠬᠦᠭᠵᠢᠪᠡ᠃ ᠦᠨᠳᠤᠰᠤᠳᠠᠨ ᠤ | ᠣᠨᠴᠠᠯᠢᠭᠳᠦ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠠᠵᠣ᠂ ᠰᠢᠨᠵᠢᠯᠠᠬᠦ ᠣᠬᠠᠭᠠᠨᠴᠢ ᠪᠠᠷ ᠲᠦᠰᠦᠪᠯᠠᠨ | ᠵᠦᠢ ᠵᠣᠬᠢᠰᠳᠠᠢ ᠪᠠᠶᠢᠷᠢᠯᠠᠭᠤᠯᠵᠣ᠂ ᠣᠳᠣ ᠦᠶ᠎ᠡ ᠶᠢᠨ ᠣᠶᠢᠯᠠᠴᠢᠯᠡᠭᠡᠨ ᠤ ᠣᠶᠢᠯᠠᠰ ᠢ ᠲᠦᠷᠭᠡᠳᠬᠡᠪᠡ᠃ ᠱᠠᠩᠬᠠᠢ | ᠶᠢᠨ ᠰᠦᠮ᠎ᠡ ᠶᠢᠨ ᠨᠡᠷᠬᠢᠶᠠᠨᠳᠦ ᠲᠠᠯ᠎ᠠ ᠨᠣᠳᠤᠭ ᠤᠨ ᠵᠢᠭᠤᠯᠴᠢᠯᠠᠯ ᠤᠨ ᠣᠷᠣᠨ ᠢ ᠢᠷᠭᠠᠢ ᠶᠢᠨ ᠪᠢᠨ ᠾᠧ ᠰᠢᠨ᠎ᠠ | ᠳᠤᠭᠤᠷᠢᠭ ᠤᠨ ᠪᠦᠬᠦ ᠴᠠᠷᠠᠭ᠎ᠠ ᠶᠢᠨ 5A ᠳᠡᠰ ᠤᠨ ᠦᠵᠡᠮᠵᠢ ᠶᠢᠨ ᠤᠷᠤᠨ ᠲᠠᠢ ᠠᠭᠤᠰᠬᠠᠨ ᠭᠥᠭᠵᠢᠭᠦᠯᠵᠥ᠂ | ᠣᠷᠣᠨ ᠲᠣᠭᠤᠷᠢᠭ ᠤᠨ ᠬᠠᠮᠳᠦᠷᠠᠯᠴᠠᠭ᠎ᠠ᠂ ᠦᠪᠡᠷᠮᠢᠴᠡᠯᠡᠭᠰᠡᠨ ᠬᠦᠭᠵᠢᠯᠳᠠ ᠶᠢᠨ ᠴᠢᠳᠠᠪᠦᠷᠢ ᠶᠢ ᠨᠡᠮᠡᠭᠳᠡᠭᠦᠯᠪᠡ᠃ | ᠪᠦᠬᠦ ᠣᠯᠣᠰ ᠤᠨ ᠠᠷᠪᠠᠳᠦᠭᠠᠷ ᠬᠤᠭᠤᠴᠠᠭᠠᠨ ᠤ ᠴᠦᠭᠡᠨ ᠲᠣᠭᠠᠳᠦ ᠦᠨᠳᠦᠰᠦᠳᠡᠨ ᠤ ᠲᠠᠮᠢᠷ ᠤᠨ ᠴᠣᠭᠯᠠᠭᠠᠨ᠂ | ᠴᠢᠬᠤᠯᠠ ᠪᠠᠶᠠᠷ ᠨᠠᠶᠢᠷ ᠤᠨ ᠲᠠᠶᠢᠴᠢᠯᠠᠯ ᠲᠣᠣᠷ᠎ᠠ ᠰᠣᠶᠣᠯ ᠵᠢᠭᠤᠯᠴᠢᠯᠠᠯ᠂ ᠬᠡᠷᠡᠭᠯᠡᠭᠡ ᠵᠡᠷᠬᠡ ᠶᠢᠨ ᠠᠮᠢᠳᠦᠯᠢᠭ᠋ | ᠬᠦᠴᠦᠨ ᠣᠯᠠᠮ ᠴᠢᠩᠭᠠᠳᠴᠦ᠂ ᠪᠦᠬᠦ ᠵᠢᠯ ᠳᠤ ᠵᠣᠭᠠᠭᠴᠠᠰᠠᠳ 67.3 ᠲᠦᠮᠡᠨ ᠬᠦᠮᠦᠨ ᠣᠳᠠᠭ᠎ᠠ ᠬᠦᠯᠢᠶᠡᠨ | ᠵᠣᠴᠢᠯᠠᠵᠣ 19.2 ᠳ᠋ᠥᠩᠰᠢᠭᠤᠷ ᠲᠦᠭᠦᠷᠢᠭ ᠤᠨ ᠵᠢᠭᠤᠯᠴᠢᠯᠠᠯ ᠤᠨ ᠣᠷᠣᠯᠭ᠎ᠠ ᠤᠯᠪᠠ᠃ ᠨᠡᠶᠢᠭᠡᠮ ᠤᠨ ᠬᠡᠷᠡᠭᠯᠡᠭᠡᠨ | ᠤ ᠲᠠᠸᠠᠷ ᠤᠨ ᠵᠢᠵᠢᠭᠯᠡᠨ ᠪᠣᠷᠣᠯᠠᠭᠤᠯᠣᠭᠰᠠᠨ ᠶᠡᠷᠣᠩᠬᠡᠢ ᠥᠷᠳᠡᠭ 8% ᠨᠡᠮᠡᠭᠳᠡᠵᠣ᠂ 20.4 ᠳ᠋ᠥᠩᠰᠢᠭᠤᠷ | ᠲᠥᠭᠦᠷᠢᠭ ᠬᠦᠷᠪᠡ᠃ ᠮᠦᠩᠭᠦᠨ ᠭᠦᠢᠯᠭᠡᠭᠡ᠂ ᠪᠣᠳᠠᠰ ᠤᠨ ᠬᠦᠢᠯᠭᠡᠭᠡ᠂ ᠡᠯᠧᠺᠲᠷᠣᠨ ᠠᠷᠠᠯᠵᠢᠶ᠎ᠠ᠂ ᠡᠷᠡᠬᠦᠯᠵᠢᠯ | ᠰᠣᠪᠢᠯᠠᠯᠳᠠ ᠵᠡᠷᠬᠡ ᠰᠢᠨ᠎ᠡ ᠡᠵᠡᠩᠨᠡᠯᠳᠠ ᠶᠢᠨ ᠲᠦᠯᠦᠪ ᠲᠦᠷᠭᠡᠨ ᠬᠦᠭᠵᠢᠵᠣ᠂ ᠣᠶᠢᠯᠠᠴᠢᠯᠡᠭᠡᠨ ᠤ ᠣᠶᠢᠯᠠᠰ ᠤᠨ | ᠠᠭᠤᠰᠣᠯᠴᠠᠯ ᠬᠦᠭᠵᠢᠯᠳᠠ ᠶᠢ ᠣᠯᠠᠮ ᠲᠡᠭᠡᠭᠰᠢᠯᠡᠬᠦᠯᠪᠡ᠃ | ︵ᠭᠤᠷᠪᠠ︶ ᠬᠤᠳᠠ ᠬᠦᠳᠡᠭᠡ ᠶᠢᠨ ᠪᠠᠶᠢᠭᠤᠯᠣᠯᠳᠠ ᠵᠣᠬᠢᠴᠠᠩᠭᠤᠢ ᠠᠬᠢᠵᠣ᠂ ᠬᠦᠭᠵᠢᠯᠳᠠ ᠶᠢᠨ ᠣᠷᠴᠢᠨ | ᠦᠷᠬᠦᠯᠵᠢᠯᠡᠨ ᠰᠠᠶᠢᠵᠢᠷᠠᠪᠠ᠃ ᠪᠡᠭᠡᠵᠢᠩ ᠲᠢᠶᠠᠨᠵᠢᠨ ᠤ ᠰᠠᠯᠬᠢ ᠰᠢᠷᠣᠢ ᠶᠢᠨ ᠡᠬᠢ ᠶᠢᠨ ᠵᠠᠰᠠᠯᠳᠠ ᠶᠢᠨ | ᠬᠤᠶᠠᠳᠦᠭᠠᠷ ᠬᠤᠭᠤᠴᠠᠭᠠᠨ ᠤ ᠢᠨᠵᠧᠨᠧᠷᠢᠩ᠂ ᠪᠠᠶᠢᠭᠠᠯᠢ ᠶᠢᠨ ᠣᠢ ᠶᠢᠨ ᠬᠠᠮᠠᠭᠠᠯᠠᠯᠳᠠ ᠵᠡᠷᠭᠡ ᠭᠤᠣᠯᠳᠠᠯᠭᠠᠳᠦ | ᠠᠮᠢ ᠠᠬᠤᠢ ᠶᠢᠨ ᠢᠨᠵᠧᠨᠧᠷᠢᠩ ᠢ ᠦᠷᠬᠦᠯᠵᠢᠯᠡᠬᠦᠯᠦᠨ ᠬᠡᠷᠡᠭᠵᠢᠭᠦᠯᠵᠣ᠂ 17.7 ᠲᠦᠮᠡᠨ ᠮᠣ᠋ ᠣᠶᠢᠵᠢᠭᠤᠯᠣᠯᠳᠠ | ᠬᠢᠵᠣ᠂ 7.95 ᠲᠦᠮᠡᠨ ᠮᠣ᠋ ᠬᠦᠷᠦᠰᠦ ᠰᠢᠷᠣᠢ ᠶᠢᠨ ᠢᠳᠡᠭᠳᠡᠯ ᠢ ᠵᠠᠰᠠᠵᠣ᠂ ᠠᠮᠢ ᠠᠬᠤᠢ ᠶᠢᠨ ᠣᠷᠴᠢᠨ ᠢ | ᠦᠷᠬᠦᠯᠵᠢᠯᠡᠡᠬᠦᠯᠦᠨ ᠪᠠᠬᠢᠵᠢᠭᠦᠯᠪᠡ᠃ ᠬᠡᠷᠡᠮ ᠤᠨ ᠭᠤᠣᠯ ᠤᠨ 110 ᠺᠢᠯᠦᠸ᠋ᠯᠲ ᠤᠨ ᠴᠠᠬᠢᠯᠭᠠᠨ ᠬᠤᠪᠢᠰᠬᠠᠬᠤ | ᠪᠠᠷᠢᠯᠠᠭᠠ ᠠᠰᠢᠭᠯᠠᠯᠳᠠ ᠳᠤ ᠣᠷᠣᠵᠣ᠂ 748 ᠺᠢᠯᠦᠮᠧᠲᠷ ᠤᠨ ᠲᠠᠷᠢᠶᠠᠯᠠᠩ ᠤᠨ ᠴᠠᠬᠢᠯᠭᠠᠨ ᠢ ᠦᠭᠡᠷᠡᠴᠢᠯᠠᠪᠡ᠃ | S216 ᠦᠨᠳᠦᠷ ᠲᠡᠰ ᠤᠨ ᠵᠠᠰᠠᠮᠠᠯ ᠵᠠᠮ ᠲᠡᠷᠬᠡ ᠨᠡᠪᠳᠡᠷᠠᠵᠣ᠂ ᠲᠣᠣ ᠱᠠᠩ ᠲᠠᠮᠦᠷ ᠵᠠᠮ ᠤᠨ ᠲᠣᠯᠢ ᠠᠴᠠ | ᠣᠯᠵᠠᠴᠢ ᠬᠦᠷᠬᠦ ᠬᠡᠰᠡᠭ ᠤᠨ ᠪᠠᠷᠢᠯᠭ᠎ᠠ ᠲᠦᠷᠬᠡᠨ ᠠᠬᠢᠵᠣ᠂ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ | ᠲᠦᠷᠬᠡᠨ ᠵᠠᠮ᠂ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠨᠦᠭᠦᠴᠡᠯ ᠪᠦᠷᠢᠳᠦᠵᠣ᠂ | 184 ᠺᠢᠯᠦᠮᠧᠲᠷ ᠭᠠᠴᠠᠭ᠎ᠠ ᠲᠣᠰᠬᠤᠨ ᠤ ᠵᠠᠰᠠᠮᠠᠯ ᠵᠠᠮ ᠵᠠᠰᠠᠪᠠ᠃ ᠬᠤᠳᠠ ᠶᠢᠨ ᠵᠡᠬᠡᠯᠢ ᠭᠤᠳᠤᠮᠵᠢ᠂ ᠳᠤᠤᠷ | ᠬᠤᠭᠤᠯᠠᠢ ᠵᠡᠷᠬᠡ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠳᠠᠰᠤᠷᠠᠯᠳᠠ ᠦᠬᠡᠢ ᠳᠡᠬᠦᠯᠳᠡᠷᠵᠢᠵᠤ᠂ | ᠣᠷᠣᠰᠢᠨ ᠰᠠᠭᠤᠬᠤ ᠤᠷᠴᠢᠨ ᠳᠤᠭᠤᠷᠢᠨ ᠤᠯᠠᠮ ᠨᠢᠬᠡ ᠠᠯᠬᠤᠮ ᠰᠠᠶᠢᠵᠢᠷᠠᠪᠠ᠃ ᠮᠠᠯᠵᠢᠬᠤ ᠲᠠᠷᠢᠶᠠᠯᠠᠬᠤ ᠣᠷᠣᠨ ᠤ | ︽ᠠᠷᠪᠠ ᠶᠢ ᠨᠡᠶᠢᠳᠡᠮ ᠪᠡᠶᠡᠯᠡᠬᠦᠯᠬᠦ︾ ᠢᠨᠵᠧᠨᠧᠷᠢᠩ ᠪᠦᠬᠦ ᠲᠠᠯ᠎ᠠ ᠪᠠᠷ ᠠᠬᠢᠵᠣ᠂ ᠡᠨᠧᠷᠬᠢ ᠠᠷᠪᠢᠯᠠᠬᠤ | ᠦᠭᠡᠷᠡᠴᠢᠯᠠᠯᠳᠠ᠂ ︽ᠮᠠᠯᠵᠢᠬᠤ ᠲᠠᠷᠢᠶᠠᠯᠠᠬᠤ ᠣᠷᠣᠨ ᠳᠤ ᠰᠢᠳᠠᠮᠠᠬᠠᠢ ᠬᠡᠢ ᠨᠡᠪᠳᠡᠷᠡᠭᠦᠯᠬᠦ︾ ᠢᠨᠵᠧᠨᠧᠷᠢᠩ | ᠪᠦᠳᠦᠮᠵᠢᠳᠠᠢ ᠶᠠᠪᠣᠭᠳᠠᠵᠣ᠂ 2602 ᠬᠦᠮᠦᠨ ᠤ ᠣᠰᠣ ᠣᠮᠳᠠ ᠶᠢᠨ ᠠᠮᠦᠷ ᠲᠦᠪᠰᠢᠨ ᠤ ᠢᠨᠵᠧᠨᠧᠷᠢᠩ ᠢ | ᠬᠡᠷᠡᠭᠵᠢᠭᠦᠯᠵᠣ᠂ 193 ᠺᠢᠯᠦᠮᠧᠲᠷ ᠵᠡᠭᠡᠯᠢ ᠭᠤᠳᠣᠮᠵᠢ ᠶᠢ ᠬᠠᠳᠠᠭᠤᠵᠢᠭᠤᠯᠵᠣ᠂ 3700 ᠡᠷᠦᠬᠡ ᠶᠢᠨ ᠡᠨᠧᠷᠬᠢ | ᠠᠷᠪᠢᠯᠠᠬᠤ ᠦᠭᠡᠷᠡᠴᠢᠯᠠᠯᠳᠠ᠂ 3000 ᠡᠷᠦᠬᠡ ᠨᠣᠷᠠᠬᠤ ᠠᠶᠣᠯ ᠲᠠᠢ ᠭᠡᠷ ᠤᠨ ᠦᠭᠡᠷᠡᠴᠢᠯᠡᠯᠳᠠ ᠶᠢ ᠪᠡᠶᠡᠯᠡᠬᠦᠯᠵᠤ᠂ | ᠣᠷᠴᠢᠨ ᠲᠣᠭᠤᠷᠢᠨ ᠤ ᠵᠠᠰᠠᠯᠳᠠ ᠢᠯᠡᠷᠬᠡᠢ ᠠᠮᠵᠢᠯᠳᠠ ᠣᠯᠵᠣ᠂ ᠮᠠᠯᠵᠢᠬᠤ ᠲᠠᠷᠢᠶᠠᠯᠠᠬᠤ ᠣᠷᠣᠨ ᠤ ᠦᠩᠭᠡ | ᠲᠦᠷᠰᠦ ᠰᠢᠨᠡᠳᠪᠡ᠃ | ︵ᠲᠦᠷᠪᠡ︶ ᠠᠷᠠᠳ ᠤᠨ ᠠᠮᠢᠳᠣᠷᠠᠯ ᠤᠨ ᠪᠠᠳᠣᠯᠠᠭ᠎ᠠ ᠲᠠᠰᠣᠷᠠᠯᠳᠠ ᠦᠭᠡᠢ ᠴᠢᠩᠭᠠᠳᠴᠦ᠂ ᠬᠦᠭᠵᠢᠯᠳᠠ ᠶᠢᠨ | ᠦᠷ᠎ᠡ ᠪᠦᠳᠦᠭᠡᠯ ᠢ ᠠᠷᠠᠳ ᠣᠯᠠᠨ ᠳᠤ ᠡᠳ᠋ᠯᠡᠭᠦᠯᠪᠡ᠃ ᠬᠤᠰᠢᠭᠤᠨ ᠤ ᠠᠷᠠᠳ ᠢ ᠬᠠᠷᠠᠭᠠᠯᠵᠠᠬᠤ ᠪᠣᠳᠠᠳᠦ ᠣᠴᠢᠷ ᠢ | ᠪᠦᠬᠦ ᠳᠠᠯ᠎ᠠ ᠪᠠᠷ ᠪᠤᠳᠠᠳᠠᠶᠢᠵᠢᠭᠤᠯᠵᠤ᠂ ᠠᠷᠠᠳ ᠤᠨ ᠠᠮᠢᠳᠣᠷᠠᠯ ᠤᠨ ᠬᠠᠷᠠᠭᠠᠯᠵᠠᠯ ᠤᠨ ᠣᠷᠣᠭᠤᠯᠣᠯᠳᠠ ᠶᠢ | ᠦᠷᠬᠦᠯᠵᠢᠯᠡᠬᠦᠯᠦᠨ ᠨᠡᠮᠡᠭᠳᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠠᠭᠠ ᠶᠢᠨ 75% ᠶᠢ | ᠡᠵᠡᠯᠡᠪᠡ᠃ ᠣᠶᠢᠯᠠᠰ ᠪᠦᠳᠦᠭᠡᠵᠣ ᠠᠵᠢᠯ ᠣᠯᠭᠤᠬᠤ ᠶᠢ ᠦᠷᠬᠡᠳᠬᠡᠵᠣ᠂ ᠪᠦᠬᠦ ᠵᠢᠯ ᠳᠤ ᠬᠤᠳᠠ ᠪᠠᠯᠭᠠᠰᠣᠨ ᠤ | 1160 ᠬᠦᠮᠦᠨ ᠳᠤ ᠠᠵᠢᠯ ᠣᠯᠭᠤᠵᠣ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠯᠳᠠ 2.37% | ᠪᠣᠯᠪᠠ᠃ ᠨᠡᠭᠠᠳᠦ ᠵᠠᠬ᠎ᠠ ᠶᠢᠨ ᠪᠠᠳᠣᠯᠠᠭ᠎ᠠ ᠶᠢ ᠨᠡᠩ ᠴᠢᠬᠤᠯᠠᠴᠢᠯᠠᠵᠣ᠂ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ | ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠨᠠᠰᠤᠵᠢᠯ᠂ ᠠᠵᠣ ᠠᠬᠤᠶᠢᠯᠠᠯ ᠤᠨ ᠠᠵᠢᠯ ᠠᠴᠠ ᠠᠮᠠᠷᠠᠭᠰᠠᠳ | ᠤᠨ ᠨᠠᠰᠣᠵᠢᠯ ᠤᠨ ᠮᠦᠩᠭᠦ᠂ ᠳᠠᠪᠤᠨ ᠪᠠᠳᠤᠯᠠᠭ᠎ᠠ ᠶᠢᠨ ᠳᠠᠷᠬᠠᠢ ᠠᠰᠠᠷᠠᠯᠳᠠ ᠶᠢᠨ ᠪᠠᠷᠢᠮᠵᠢᠶ᠎ᠠ ᠶᠢ ᠲᠡᠬᠡᠭᠰᠢᠯᠡᠬᠦᠯᠪᠡ᠃ | 7822 ᠲᠣᠣᠷ᠎ᠠ ᠣᠷᠣᠯᠭ᠎ᠠ ᠲᠠᠢ ᠮᠠᠯᠴᠢᠨ ᠳᠠᠷᠢᠶᠠᠴᠢᠨ ᠡᠷᠦᠬᠡ ᠪᠦᠷᠢ ᠳᠤ 1 ᠲᠣᠨ ᠨᠡᠭᠦᠷᠡᠰᠦ ᠬᠠᠩᠭᠠᠵᠣ᠂ | ᠬᠤᠳᠠ ᠬᠦᠳᠡᠭᠡ ᠶᠢᠨ ᠲᠣᠣᠷ᠎ᠠ ᠪᠠᠳᠣᠯᠠᠭᠠᠳᠦ ᠭᠡᠷ ᠪᠦᠯᠢ ᠶᠢᠨ ᠣᠶᠣᠳᠠᠳ ᠲᠤ ᠰᠣᠷᠣᠯᠭ᠎ᠠ ᠶᠢᠨ ᠨᠦᠬᠦᠪᠦᠷᠢ | ᠣᠯᠭᠤᠵᠣ᠂ 199 ᠣᠶᠣᠳᠠᠨ ᠠᠰᠢᠭ ᠬᠦᠷᠳᠡᠪᠠ᠃ ᠨᠠᠷᠢᠯᠢᠭ ᠣᠨᠣᠪᠴᠢᠳᠠᠢ ᠪᠠᠷ ᠶᠠᠳᠠᠭᠤ ᠶᠢ ᠲᠡᠳᠭᠦᠭᠦ ᠪᠣᠳᠣᠯᠭ᠎ᠠ | ᠶᠢ ᠨᠠᠶᠢᠳᠠᠪᠦᠷᠢᠵᠢᠭᠤᠯᠵᠣ᠂ ᠮᠦᠩᠭᠦᠨ ᠭᠦᠢᠯᠭᠡᠭᠡ ᠪᠠᠷ ᠲᠡᠳᠬᠦᠬᠦ᠂ ᠠᠵᠣ ᠣᠶᠢᠯᠠᠰ ᠢᠶᠠᠷ ᠲᠡᠳᠬᠦᠬᠦ᠂ ᠰᠢᠯᠵᠢᠭᠦᠯᠦᠨ | ᠲᠡᠳᠬᠦᠬᠦ᠂ ᠰᠣᠷᠭᠠᠨ ᠬᠦᠮᠦᠵᠢᠯ ᠡᠮ ᠡᠮᠨᠡᠯᠭᠡ ᠪᠠᠷ ᠲᠡᠳᠬᠦᠬᠦ ᠶᠢ ᠢᠵᠢᠯ ᠠᠯᠬᠤᠮ ᠢᠶᠠᠷ ᠠᠬᠢᠭᠤᠯᠵᠣ᠂ 736 | ᠡᠷᠦᠬᠡ 2456 ᠬᠦᠮᠦᠨ ᠢ ᠶᠠᠳᠠᠭᠤ ᠠᠴᠠ ᠠᠩᠭᠢᠵᠢᠷᠠᠭᠤᠯᠪᠠ᠃ ᠣᠯᠵᠠᠴᠢ ᠶᠢᠨ ᠶᠡᠷᠦᠩᠬᠡᠶᠢᠯᠡᠭᠰᠡᠨ ᠠᠰᠠᠷᠠᠮᠵᠢ ᠶᠢᠨ | ᠬᠦᠷᠢᠶᠠᠯᠠᠩ ᠢ ᠠᠰᠢᠭᠯᠠᠯᠳᠠ ᠳᠤ ᠣᠷᠣᠭᠤᠯᠵᠣ᠂ 2516 ᠲᠦᠬᠦᠷ ᠪᠠᠳᠣᠯᠠᠭ᠎ᠠ ᠶᠢᠨ ᠣᠷᠣᠨ ᠰᠠᠭᠤᠴᠠ ᠶᠢ ᠡᠬᠢᠯᠡᠨ | ᠪᠠᠶᠢᠭᠤᠯᠵᠤ᠂ 1357 ᠲᠦᠬᠦᠷ ᠬᠠᠭᠤᠴᠢᠨ ᠬᠡᠷ ᠪᠠᠷᠢᠯᠭ᠎ᠠ ᠶᠢ ᠦᠬᠡᠷᠡᠴᠢᠯᠡᠪᠠ᠃ ᠰᠣᠷᠭᠠᠨ ᠬᠦᠮᠦᠵᠢᠯ ᠤᠨ ᠵᠢᠭᠠᠨ | ᠰᠣᠷᠭᠠᠯᠳᠠ ᠶᠢᠨ ᠲᠦᠬᠦᠭᠡᠷᠦᠮᠵᠢ ᠶᠢ ᠲᠡᠬᠦᠯᠳᠡᠷᠵᠢᠭᠦᠯᠵᠣ᠂ ᠵᠢᠭᠠᠨ ᠰᠣᠷᠭᠠᠯᠳᠠ ᠶᠢᠨ ᠣᠷᠴᠢᠨ ᠢ ᠰᠢᠯᠢᠳᠡᠭᠵᠢᠭᠦᠯᠦᠨ | ᠂ ᠪᠠᠭᠰᠢ ᠶᠢᠨ ᠡᠩᠨᠡᠭᠡᠨ ᠤ ᠬᠡᠪ ᠴᠢᠨᠠᠷ ᠢ ᠲᠡᠭᠡᠭᠰᠢᠯᠠᠬᠦᠯᠵᠣ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ | ᠬᠦᠷᠢᠶᠡᠯᠡᠩ ᠢ ᠠᠰᠢᠭᠯᠠᠯᠳᠠ ᠳᠤ ᠤᠷᠤᠭᠤᠯᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠲᠡᠩᠴᠡᠭᠦᠷᠢᠳᠦ | ᠬᠦᠭᠵᠢᠯᠳᠠ ᠶᠢ ᠣᠯᠣᠰ ᠠᠴᠠ ᠮᠡᠳᠡᠷᠡᠭᠰᠡᠨ ᠪᠠᠶᠢᠨ᠎ᠠ᠃ ᠰᠣᠶᠣᠯ ᠤᠨ ᠠᠵᠣ ᠣᠶᠢᠯᠠᠰ ᠤᠨ ᠬᠦᠷᠢᠶᠡᠯᠠᠩ᠂ ᠨᠣᠮ ᠤᠨ | ᠰᠠᠩ᠂ ᠰᠣᠶᠣᠯ ᠤᠨ ᠣᠷᠳᠣᠨ᠂ ᠠᠬᠠᠮᠠᠳ ᠺᠠᠳ᠋ᠷ ᠤᠨ ᠠᠵᠢᠯᠯᠠᠭᠠᠨ ᠤ ᠲᠦᠪ᠂ ᠭᠡᠷ ᠤᠨ ᠭᠠᠳᠠᠨᠠᠬᠢ ᠲᠠᠮᠢᠷ ᠤᠨ | ᠲᠠᠯᠠᠪᠣᠷ᠂ ᠫᠢᠩᠫᠠᠩ ᠪᠦᠮᠪᠦᠭᠡ ᠦᠳᠤᠨ ᠪᠦᠮᠪᠤᠬᠡᠨ ᠤᠷᠳᠤᠨ᠂ ᠤᠮᠪᠠᠯᠳᠠ ᠶᠢᠨ ᠤᠷᠳᠤᠨ ᠠᠰᠢᠭᠯᠠᠯᠳᠠ ᠳᠤ | ᠣᠷᠣᠵᠣ᠂ ᠪᠦᠬᠦ ᠣᠯᠣᠰ ᠤᠨ ᠠᠷᠪᠠᠳᠦᠭᠠᠷ ᠬᠤᠭᠤᠴᠠᠭᠠᠨ ᠤ ᠴᠦᠭᠡᠨ ᠲᠣᠭᠠᠳᠦ ᠦᠨᠳᠦᠰᠦᠳᠡᠨ ᠤ ᠣᠯᠠᠮᠵᠢᠯᠠᠯᠳᠦ | ᠲᠠᠮᠢᠷ ᠤᠨ ᠴᠣᠭᠯᠠᠭᠠᠨ ᠤ ᠭᠠᠯ ᠤᠨ ᠴᠤᠭ ᠠᠪᠬᠤ ᠶᠣᠰᠣᠯᠠᠯ ᠢ ᠠᠮᠵᠢᠯᠳᠠ ᠲᠠᠢ ᠡᠷᠬᠢᠯᠡᠪᠡ᠃ ᠡᠮ ᠡᠮᠨᠡᠯᠭᠡ᠂ | ᠡᠷᠡᠬᠦᠯ ᠬᠠᠮᠠᠭᠠᠯᠠᠯ ᠤᠨ ᠣᠶᠢᠯᠠᠴᠢᠯᠡᠭᠡᠨ ᠤ ᠲᠦᠪᠰᠢᠨ ᠲᠠᠰᠣᠷᠠᠯᠳᠠ ᠦᠭᠡᠢ ᠲᠡᠭᠡᠭᠰᠢᠯᠡᠵᠣ᠂ ᠲᠠᠬᠢᠯᠳᠦ᠂ | ᠪᠣᠷᠣᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠭᠤᠯᠣᠭᠳᠠᠵᠣ ︽ᠡᠮ ᠤᠨ ᠬᠠᠶᠢᠷᠴᠠᠭ︾ ᠤᠨ ᠪᠠᠴᠢᠮ | ᠲᠣᠰᠠᠯᠠᠮᠵᠢ ᠶᠢᠨ ᠢᠨ᠋ᠧᠨᠧᠷᠢᠩ ᠢ ᠬᠡᠷᠡᠭᠵᠢᠬᠦᠯᠤᠨ᠂᠂ ︽ᠮᠣᠩᠭᠤᠯ ᠬᠢᠳᠠᠳ ᠡᠮ ᠡᠮᠨᠡᠯᠭᠡ ᠶᠢᠨ ᠲᠡᠷᠢᠭᠦᠨ ᠤ ᠬᠤᠰᠢᠭᠤ | ︾ ᠶᠢ ᠠᠮᠵᠢᠯᠳᠠ ᠲᠠᠢ ᠴᠣᠭᠴᠠᠯᠠᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠣᠷᠰᠢᠯᠳᠠ ᠶᠢᠨ | ᠦᠭᠡᠷᠡᠴᠢᠯᠡᠯᠡᠳᠠ᠂ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠦᠭᠡᠷᠡᠴᠢᠯᠡᠯᠳᠡ᠂ ᠣᠳᠣᠷᠢᠳᠬᠤ ᠺᠠᠳ᠋ᠷ ᠤᠨ | ᠬᠦᠷᠦᠩᠭᠡ ᠬᠤᠭᠰᠢᠯ ᠤᠨ ᠬᠠᠷᠢᠭᠤᠴᠠᠯᠭ᠎ᠠ ᠶᠢ ᠬᠢᠨᠠᠨ ᠪᠣᠳᠣᠬᠤ ᠲᠣᠷᠰᠢᠯᠳᠠ᠂ ᠠᠯᠪᠠᠨ ᠤ ᠡᠮᠨᠡᠯᠭᠡ ᠶᠢᠨ ᠲᠣᠷᠰᠢᠯᠳᠠ | ᠦᠭᠡᠷᠡᠴᠢᠯᠡᠯᠳᠡ᠂ ᠨᠣᠳᠤᠭ ᠪᠡᠯᠴᠢᠭᠡᠷ ᠤᠨ ᠡᠷᠬᠡ ᠶᠢᠨ ᠲᠣᠳᠣᠷᠬᠠᠶᠢᠯᠠᠯᠳᠠ᠂ ᠣᠰᠣᠨ ᠡᠷᠭᠡ ᠶᠢᠨ ᠲᠦᠷᠢᠮ ᠤᠨ | ᠦᠭᠡᠷᠡᠴᠢᠯᠡᠯᠳᠡ ᠵᠡᠷᠬᠡ ᠨᠢᠭᠡ ᠪᠦᠯᠦᠭ ᠭᠤᠣᠯᠳᠠᠯᠭᠠᠳᠦ ᠬᠦᠷᠢᠶ᠎ᠡ ᠴᠠᠷᠠᠭ᠎ᠠ ᠪᠣᠯᠣᠨ ᠵᠠᠩᠭᠢᠯᠠᠭ᠎ᠠ ᠶᠢᠨ ᠭᠤᠭᠴᠣᠭᠠᠨ | ᠦᠭᠡᠷᠡᠴᠢᠯᠡᠯᠡᠳᠠ ᠢᠯᠡᠷᠬᠡᠢ ᠠᠮᠵᠢᠯᠳᠠ ᠣᠯᠵᠣ᠂ ᠬᠦᠭᠵᠢᠯᠳᠠ ᠶᠢ ᠴᠢᠨᠠᠭᠰᠢᠳᠠ ᠠᠬᠢᠭᠤᠯᠪᠠ᠃ ᠣᠶᠣᠨ ᠤ | ᠪᠣᠯᠪᠠᠰᠣᠨ ᠤ ᠪᠠᠶᠢᠭᠤᠯᠣᠯᠳᠠ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠭᠡᠶᠢᠯᠡᠭᠰᠡᠨ ᠵᠠᠰᠠᠯᠳᠠ᠂ ᠠᠶᠣᠯᠬᠦᠢ | ᠣᠶᠢᠯᠠᠳᠪᠦᠷᠢᠯᠠᠯ᠂ ᠣᠷᠴᠢᠨ ᠬᠠᠮᠠᠭᠠᠯᠠᠯᠳᠠ᠂ ᠢᠳᠡᠭᠡᠨ ᠤ ᠠᠮᠦᠷ ᠲᠦᠪᠰᠢᠨ᠂ ᠬᠠᠣᠯᠢ ᠲᠦᠭᠡᠮᠵᠢᠯᠡᠬᠦᠯᠬᠦ᠂ ᠵᠠᠬᠢᠳᠠᠯ | ᠰᠣᠷᠪᠣᠯᠵᠢᠯᠠᠭ᠎ᠠ ᠵᠡᠷᠬᠡ ᠡᠯ᠎ᠡ ᠲᠠᠯ᠎ᠠ ᠶᠢᠨ ᠠᠵᠢᠯ ᠯᠠᠪᠳᠠᠭᠤᠨ ᠠᠬᠢᠵᠣ᠂ ᠨᠡᠶᠢᠭᠡᠮ ᠤᠨ ᠪᠠᠶᠢᠭᠤᠯᠣᠯᠳᠠ ᠡᠶ᠎ᠡ | ᠵᠣᠬᠢᠴᠠᠩᠭᠤᠢ ᠲᠣᠭᠳᠠᠭᠤᠨ ᠪᠣᠯᠪᠠ᠃ | 2015 ᠣᠨ ᠳᠤ ᠰᠢᠨ᠎ᠠ ᠬᠡᠪ ᠪᠠᠶᠢᠳᠠᠯ ᠤᠨ ᠵᠢᠯᠣᠭᠤᠳᠣᠯᠭ᠎ᠠ ᠲᠣᠣᠷ᠎ᠠ ᠮᠠᠨ ᠤ ᠬᠤᠰᠢᠭᠤᠨ ᠤ ᠣᠯᠣᠰ ᠠᠷᠠᠳ ᠤᠨ | ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠬᠡ ᠶᠢᠨ ᠬᠡᠷᠡᠭᠵᠢᠭᠦᠯᠦᠯᠳᠠ ᠶᠡᠷᠦᠩᠬᠡᠢ ᠳᠡᠭᠡᠨ | ᠰᠠᠶᠢᠨ ᠶᠠᠪᠣᠭᠳᠠᠪᠠ᠃ ᠭᠡᠪᠡᠴᠦ ᠮᠠᠨ ᠤ ᠬᠤᠰᠢᠭᠤᠨ ᠤ ᠠᠵᠣ ᠠᠬᠤᠢ ᠶᠢᠨ ᠡᠷᠬᠢᠯᠳᠠ ᠳᠤ ᠮᠦᠨ ᠯᠡ ᠬᠦᠴᠢᠷ | ᠪᠡᠷᠬᠡ ᠪᠣᠯᠣᠨ ᠦᠷᠢᠰᠦᠯᠳᠦᠭᠡᠨ ᠲᠣᠯᠭᠠᠷᠠᠵᠣ ᠪᠣᠢ᠃ ᠭᠤᠣᠯᠳᠠᠭᠤ᠄ ᠬᠦᠭᠵᠢᠯᠳᠠ ᠭᠦᠢᠴᠡᠳ ᠪᠣᠰᠣ᠂ ᠠᠵᠣ ᠠᠬᠤᠢ | ᠶᠢᠨ ᠶᠡᠷᠦᠩᠬᠡᠢ ᠬᠡᠮᠵᠢᠶ᠎ᠠ ᠪᠠᠭ᠎ᠠ᠂ ᠠᠵᠣ ᠣᠶᠢᠯᠠᠰ ᠤᠨ ᠲᠣᠯᠭᠠᠭᠤᠷᠢᠯᠠᠯ ᠲᠣᠷᠣᠢ᠃ ᠬᠤᠷᠸ᠎ᠠ ᠲᠣᠬᠢᠷᠠᠭᠤᠯᠭ᠎ᠠ᠂ | ᠬᠦᠴᠦᠨ ᠵᠣᠶᠢᠯ ᠤᠨ ᠵᠢᠭᠠᠯᠳᠠ ᠵᠡᠷᠭᠡ ᠣᠯᠠᠨ ᠵᠣᠶᠢᠯ ᠤᠨ ᠡᠯᠧᠮᠧᠨ᠋ᠲ ᠤᠨ ᠨᠦᠯᠦᠭᠡᠯᠡᠯ ᠠᠴᠠ ᠪᠣᠯᠵᠣ᠂ ᠵᠠᠷᠢᠮ | ᠰᠢᠨ᠎ᠠ ᠲᠦᠷᠦᠯ ᠵᠣᠶᠢᠯ ᠣᠷᠣᠨᠵᠢᠬᠤ ᠳᠤ ᠬᠦᠴᠢᠷ ᠪᠣᠢ᠃ ᠰᠠᠭᠤᠷᠢ ᠲᠦᠭᠦᠭᠡᠷᠦᠮᠵᠢ ᠪᠣᠯᠣᠨ ᠰᠠᠭᠤᠷᠢ ᠨᠡᠶᠢᠳᠠ ᠶᠢᠨ | ᠣᠶᠢᠯᠠᠴᠢᠯᠡᠭᠡ ᠶᠢᠨ ᠪᠠᠳᠣᠯᠠᠭ᠎ᠠ ᠶᠢᠨ ᠲᠦᠪᠰᠢᠨ ᠬᠠᠷᠢᠴᠠᠩᠭᠤᠢ ᠲᠣᠣᠷ᠎ᠠ᠂ ᠠᠮᠢ ᠠᠬᠤᠢ ᠣᠷᠴᠢᠨ ᠮᠦᠨ ᠯᠡ | ᠬᠡᠪᠡᠷᠡᠭ ᠪᠣᠢ᠃ ᠡᠳᠡᠭᠡᠷ ᠬᠦᠴᠢᠷᠳᠡᠯ ᠪᠣᠯᠣᠨ ᠠᠰᠠᠭᠤᠳᠠᠯ ᠢ ᠪᠢᠳᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ | ᠬᠤᠶᠢᠰᠢᠳᠠ ᠶᠢᠨ ᠠᠵᠢᠯ ᠲᠣᠮᠳᠠ ᠪᠠᠨ ᠬᠢᠨᠠᠮᠠᠭᠠᠢ ᠰᠢᠢᠤᠨᠪᠤᠷᠢᠯᠡᠬᠦ ᠴᠢᠬᠤᠯᠠ ᠲᠠᠢ ᠪᠤᠢ᠃ | ᠬᠤᠶᠠᠷ᠂ 2016 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠠ ᠭᠤᠤᠯ | ᠡᠬᠦᠷᠬᠡ | ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠪᠠ ᠮᠠᠨ ᠤ ᠬᠤᠰᠢᠭᠤᠨ ᠤ ᠠᠵᠣ ᠠᠬᠤᠢ ᠶᠢᠨ ᠠᠵᠢᠯ ᠤᠨ | ᠬᠤᠷᠠᠯᠳᠣᠭᠠᠨ ᠤ ᠵᠣᠷᠢᠭ ᠰᠠᠨᠠᠭ᠎ᠠ ᠶᠢ ᠦᠨᠳᠦᠰᠦᠯᠡᠨ᠂ ᠬᠤᠷᠸ᠎ᠠ ᠬᠦᠴᠦᠨ ᠵᠣᠶᠢᠯ ᠪᠣᠯᠣᠨ ᠮᠠᠨ ᠤ ᠬᠤᠰᠢᠭᠤᠨ ᠤ | ᠪᠣᠳᠠᠳᠦ ᠪᠠᠶᠢᠳᠠᠯ ᠠᠴᠠ ᠶᠡᠷᠤᠩᠬᠡᠶᠢᠯᠡᠨ ᠪᠤᠳᠤᠯᠬᠢᠯᠡᠵᠤ᠂ 2016 ᠤᠨ ᠤ ᠪᠦᠬᠦ ᠬᠤᠰᠢᠭᠤᠨ ᠤ ᠤᠯᠤᠰ ᠠᠷᠠᠤᠨ | ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠶᠢ ᠲᠣᠭᠳᠠᠭᠠᠪᠠ᠃ | —— ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 139 ᠳ᠋ᠦᠩᠰᠢᠭᠤᠷ ᠲᠦᠬᠦᠷᠢᠭ | ᠬᠦᠷᠬᠡᠵᠤ᠂ 8% ᠦᠰᠬᠡᠨ᠎ᠠ︔ | —— ᠨᠠᠶᠢᠬᠡᠮ ᠤᠨ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 267 ᠳ᠋ᠦᠩᠰᠢᠭᠤᠷ ᠲᠦᠬᠦᠷᠢᠭ | ᠬᠦᠷᠬᠡᠵᠤ᠂ 15% ᠦᠰᠬᠡᠨ᠎ᠠ︔ | —— ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 17.3 ᠳ᠋ᠦᠩᠰᠢᠭᠤᠷ ᠲᠦᠬᠦᠷᠢᠭ | ᠬᠦᠷᠬᠡᠵᠤ᠂ 8% ᠦᠰᠬᠡᠨ᠎ᠠ︔ | —— ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 22.2 | ᠳ᠋ᠥᠩᠰᠢᠭᠤᠷ ᠲᠥᠭᠦᠷᠢᠭ ᠭᠥᠷᠭᠡᠵᠥ᠂ 9% ᠥᠰᠭᠡᠨ᠎ᠡ︔ | —— ᠬᠤᠳᠠ ᠪᠠᠯᠭᠠᠰᠣ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ | ᠶᠢ 38744 ᠲᠦᠬᠦᠷᠢᠭ ᠭᠥᠷᠭᠡᠵᠥ᠂ 9% ᠦᠰᠬᠡᠨ᠎ᠠ᠃ | —— ᠮᠠᠯᠵᠢᠬᠤ ᠳᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ | ᠡᠵᠡᠮᠳᠡᠵᠤ ᠪᠤᠯᠬᠤ ᠤᠷᠤᠯᠭ᠎ᠠ ᠶᠢ 16096 ᠲᠦᠬᠦᠷᠢᠭ ᠬᠦᠷᠬᠡᠵᠤ᠂ 11% ᠦᠰᠬᠡᠨ᠎ᠠ᠃ | 2016 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠡᠬᠢᠯᠠᠯᠳᠠ ᠶᠢᠨ ᠵᠢᠯ᠂ ᠬᠠᠩᠭᠠᠯᠭ᠎ᠠ ᠶᠢᠨ ᠳᠡᠯ᠎ᠠ | ᠶᠢᠨ ᠪᠦᠳᠤᠴᠠ ᠶᠢᠨ ᠴᠢᠨᠠᠷᠳᠤ ᠦᠬᠡᠷᠡᠴᠢᠯᠠᠯᠳᠠ ᠶᠢᠨ ᠰᠢᠪᠳᠣᠯᠣᠯᠳᠠ ᠶᠢᠨ ᠵᠢᠯ ᠪᠤᠯᠤᠨ᠎ᠠ᠃ ᠳᠡᠬᠡᠷ᠎ᠠ ᠳᠤᠷᠠᠳᠤᠭᠰᠡᠨ | ᠬᠠᠷᠠᠯᠳᠠ ᠪᠠᠨ ᠪᠡᠶᠡᠯᠡᠬᠦᠯᠬᠦ ᠳᠤ ᠡᠷᠬᠡᠪᠰᠢ ᠤᠯᠤᠰ᠂ ᠤᠷᠤᠨ ᠪᠤᠯᠤᠨ ᠬᠤᠳᠠ ᠶᠢᠨ ︽ᠠᠷᠪᠠᠨ ᠭᠤᠷᠪᠠᠳᠤᠭᠠᠷ | ᠳᠠᠪᠤᠨ ᠵᠢᠯ︾ ᠤᠨ ᠪᠠᠶᠢᠷᠢᠯᠠᠭᠤᠯᠤᠯᠳᠠ ᠶᠢ ᠬᠦᠨᠵᠡᠬᠡᠢ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠳᠠᠪᠤᠳᠤᠭᠠᠷ ᠪᠦᠬᠦᠳᠠ ᠬᠤᠷᠠᠯ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠳᠤᠬᠡᠷ ᠬᠤᠭᠤᠴᠠᠭᠠᠨ ᠤ ᠠᠷᠪᠠᠨ ᠲᠦᠷᠪᠡᠳᠤᠬᠡᠷ | ᠤᠳᠠᠭᠠᠨ ᠤ ᠪᠦᠬᠦ ᠬᠡᠰᠢᠬᠦᠤᠨ ᠤᠨ ᠬᠤᠷᠠᠯ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ | ᠬᠤᠷᠠᠯ ᠪᠤᠯᠤᠨ ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠬᠤᠭᠤᠴᠠᠭᠠᠨ ᠤ ᠳᠤᠯᠤᠳᠤᠭᠠᠷ ᠤᠳᠠᠭᠠᠨ ᠤ | ᠪᠦᠬᠦ ᠬᠡᠰᠢᠬᠦᠤᠨ ᠤᠨ ᠬᠤᠷᠠᠯ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ | ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ | ᠬᠤᠭᠤᠴᠠᠭᠠᠨ ᠤ ᠶᠢᠰᠤᠳᠤᠬᠡᠷ ᠤᠳᠠᠭ᠎ᠠ ᠶᠢᠨ ᠪᠦᠬᠦ ᠬᠡᠰᠢᠬᠦᠤᠨ ᠤᠨ ᠬᠤᠷᠠᠯ᠂ ᠪᠦᠬᠦ ᠬᠤᠰᠢᠭᠤᠨ ᠤ ᠠᠵᠤ ᠠᠬᠤᠢ | ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠪᠦᠬᠦ ᠬᠤᠰᠢᠭᠤᠨ ᠤ ︽ | ᠠᠷᠪᠠᠨ ᠭᠤᠷᠪᠠᠳᠤᠭᠠᠷ ᠳᠠᠪᠤᠨ ᠵᠢᠯ︾ ᠤᠨ ᠲᠦᠯᠤᠪᠯᠡᠭᠡ ᠶᠢ ᠬᠡᠷᠡᠭᠵᠢᠬᠦᠯᠤᠨ᠂ ᠬᠦᠴᠢᠷ ᠢ ᠰᠢᠪᠳᠤᠯᠤᠨ᠂ | ᠳᠤᠳᠠᠭᠳᠠᠯ ᠢᠶᠠᠨ ᠨᠦᠬᠦᠵᠤ᠂ ᠰᠠᠭᠤᠷᠢ ᠶᠢ ᠪᠠᠬᠢᠵᠢᠬᠦᠯᠤᠨ᠂ ᠲᠦᠷᠤᠯ ᠵᠦᠢᠯ ᠢ ᠠᠤᠨᠬᠤᠵᠤ᠂ ᠪᠦᠬᠦ ᠬᠤᠰᠢᠭᠤᠨ ᠤ | ᠠᠵᠤ ᠠᠬᠤᠢ ᠨᠠᠶᠢᠬᠡᠮ ᠤᠨ ᠦᠷᠬᠦᠯᠵᠢᠬᠦᠶᠢᠴᠠ ᠡᠷᠡᠬᠦᠯ ᠳᠤᠭᠳᠠᠭᠤᠨ ᠬᠦᠭᠵᠢᠯᠳᠠ ᠶᠢ ᠠᠬᠢᠭᠤᠯᠤᠨ᠂ ︽ᠠᠷᠪᠠᠨ | ᠭᠤᠷᠪᠠᠳᠤᠭᠠᠷ ᠳᠠᠪᠤᠨ ᠵᠢᠯ︾ ᠤᠨ ᠲᠦᠬᠦᠷᠡᠩ ᠠᠮᠵᠢᠯᠳᠠ ᠶᠢ ᠪᠡᠶᠡᠯᠡᠬᠦᠯᠤᠨ᠎ᠠ᠃ | ︵ᠨᠢᠬᠡ︶ ᠬᠦᠭᠵᠢᠯᠳᠠ ᠶᠢᠨ ᠬᠡᠪ ᠤᠨ ᠪᠠᠶᠢᠳᠠᠯ ᠳᠤ ᠵᠤᠬᠢᠴᠠᠭᠤᠯᠤᠨ᠂ ᠠᠵᠤ ᠠᠬᠤᠢ ᠶᠢᠨ ᠳᠤᠭᠳᠠᠭᠤᠨ | ᠨᠡᠮᠡᠭᠳᠡᠯ ᠢ ᠠᠬᠢᠭᠤᠯᠤᠨ᠎ᠠ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠳᠤᠭᠳᠠᠭᠠᠭᠰᠡᠨ | ᠭᠤᠤᠯᠳᠠᠯᠭᠠᠳᠤ ᠲᠦᠷᠤᠯ ᠵᠦᠢᠯ ᠪᠠ ᠭᠤᠤᠯ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠵᠤᠬᠢᠴᠠᠭᠤᠯᠭ᠎ᠠ | ᠤᠶᠢᠯᠡᠴᠢᠯᠡᠭᠡ ᠶᠢ ᠰᠠᠶᠢᠳᠤᠷ ᠬᠢᠵᠤ᠂ ᠴᠢᠬᠤᠯᠠ ᠶᠡᠭᠡ ᠲᠦᠷᠤᠯ ᠵᠦᠢᠯ ᠤᠨ ᠬᠦᠭᠵᠢᠯᠳᠠ ᠪᠠᠷ ᠳᠠᠶᠢᠴᠢᠯᠠᠬᠤ | ᠤᠶᠢᠯᠡᠳᠤᠯ ᠢ ᠬᠦᠢᠴᠡᠤᠨ ᠪᠠᠳᠠᠷᠠᠭᠤᠯᠤᠨ᠂ ᠡᠯ᠎ᠡ ᠠᠵᠢᠯ ᠤᠨ ᠳᠤᠭᠳᠠᠭᠤᠨ ᠠᠬᠢᠯᠳᠠ ᠶᠢ ᠪᠡᠶᠡᠯᠡᠬᠦᠯᠤᠨ᠎ᠠ᠃ | —— ᠲᠦᠷᠤᠯ ᠵᠦᠢᠯ ᠤᠨ ᠪᠡᠯᠡ ᠤᠷᠤᠭᠤᠯᠤᠯᠳᠠ ᠶᠢᠨ ᠬᠦᠴᠤᠯᠡᠴᠠ ᠶᠢ ᠪᠠᠳᠤᠯᠠᠨ᠎ᠠ᠃ ᠲᠦᠪ ᠤᠨ ︽ᠲᠠᠪᠣᠨ | ᠶᠡᠭᠡ ᠲᠦᠷᠦ ᠶᠢᠨ ᠪᠣᠳᠣᠯᠭ᠎ᠠ ᠶᠢᠨ ᠲᠣᠯᠭᠠᠭᠤᠷᠢᠯᠠᠯ︾᠂ ︽ᠭᠤᠷᠪᠠ ᠶᠢ ᠴᠤᠮᠬᠠᠤᠨᠬᠠᠨ ᠨᠢᠬᠡ ᠶᠢ ᠪᠠᠭᠤᠷᠠᠭᠤᠯᠤᠨ | ᠨᠢᠬᠡ ᠶᠢ ᠨᠦᠬᠦᠬᠦ︾ ᠳᠤ ᠠᠩᠬᠠᠷᠤᠯ ᠢᠶᠠᠨ ᠲᠦᠪᠯᠡᠷᠡᠬᠦᠯᠵᠤ᠂ ᠬᠠᠩᠭᠠᠯᠭ᠎ᠠ ᠶᠢᠨ ᠳᠠᠯ᠎ᠠ ᠶᠢᠨ ᠪᠦᠳᠤᠴᠠ ᠶᠢᠨ | ᠴᠢᠨᠠᠷᠳᠤ ᠦᠬᠡᠷᠡᠴᠢᠯᠡᠯᠳᠠ᠂ ᠲᠦᠪ᠂ ᠦᠪᠡᠷᠳᠡᠬᠡᠨ ᠵᠠᠰᠠᠬᠤ ᠤᠷᠤᠨ᠂ ᠪᠦᠬᠦ ᠬᠤᠳᠠ ᠠᠴᠠ ᠤᠳᠤᠬᠠᠨ ᠳᠤ | ᠭᠠᠷᠭᠠᠬᠤ ᠬᠡᠵᠤ ᠪᠠᠶᠢᠭ᠎ᠠ ᠰᠢᠷᠢᠰ ᠲᠦᠷᠤ ᠶᠢᠨ ᠪᠤᠳᠤᠯᠭ᠎ᠠ ᠶᠢ ᠪᠠᠳᠤ ᠡᠵᠡᠮᠳᠡᠵᠤ᠂ ᠬᠤᠰᠢᠭᠤᠨ ᠤ ᠪᠤᠳᠠᠳᠤ ᠪᠠᠶᠢᠳᠠᠯ | ᠲᠠᠢ ᠤᠶᠠᠯᠳᠤᠭᠤᠯᠤᠨ᠂ ᠣᠭᠳᠣᠯᠣᠯᠴᠠᠯ ᠢ ᠤᠨᠤᠪᠴᠢᠳᠠᠢ ᠡᠵᠡᠮᠰᠢᠵᠤ᠂ ᠤᠷᠢᠤᠨᠴᠢᠯᠠᠨ ᠲᠦᠰᠤᠪᠯᠡᠨ ᠵᠤᠬᠢᠴᠠᠭᠤᠯᠵᠤ | ᠂ ᠲᠦᠷᠤᠯ ᠵᠦᠢᠯ ᠤᠨ ᠨᠦᠬᠡᠴᠡᠯᠡᠯ ᠢ ᠰᠢᠯᠢᠳᠡᠭᠵᠢᠬᠦᠯᠤᠨ᠂ ︽ᠭᠤᠷᠪᠠᠨ ᠵᠢᠯ ᠤᠨ ᠡᠷᠬᠢᠯᠳᠠ︾ ᠲᠦᠯᠤᠪᠯᠡᠭᠡ ᠶᠢ | ᠰᠠᠶᠢᠳᠤᠷ ᠬᠡᠷᠡᠭᠵᠢᠬᠦᠯᠵᠤ᠂ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠭᠤᠤᠯᠳᠠᠯᠭᠠᠳᠤ ᠲᠦᠷᠤᠯ ᠵᠦᠢᠯ ᠢ | ᠱᠠᠯᠠᠪᠳᠠᠭᠤᠯᠤᠨ ᠠᠬᠢᠭᠤᠯᠤᠨ ᠤᠷᠤᠨᠵᠢᠭᠤᠯᠵᠤ᠂ ᠰᠠᠭᠤᠷᠢ᠂ ᠬᠤᠳᠠ ᠪᠠᠯᠭᠠᠰᠤ᠂ ᠠᠷᠠᠤᠨ ᠤᠨ ᠠᠮᠢᠳᠤᠷᠠᠯ᠂ | ᠨᠠᠶᠢᠬᠡᠮ ᠤᠨ ᠤᠶᠢᠯᠡᠰ᠂ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠵᠡᠷᠬᠡ ᠳᠠᠯ᠎ᠠ ᠪᠠᠷ ᠳᠠᠬᠢᠨᠳᠠ ᠲᠦᠰᠤᠪᠯᠡᠵᠤ | ᠳᠡᠬᠦᠯᠳᠡᠷᠵᠢᠬᠦᠯᠤᠨ ᠠᠬᠢᠭᠤᠯᠵᠤ᠂ ᠲᠦᠰᠤᠪᠯᠡᠪᠡᠯ ᠮᠡᠳᠡᠬᠦᠯᠤᠨ ᠵᠦᠪᠰᠢᠶᠡᠷᠡᠬᠦᠯᠬᠦ᠂ ᠤᠷᠤᠨᠵᠢᠭᠤᠯᠬᠤ᠂ ᠪᠠᠶᠢᠭᠤᠯᠬᠤ | ᠤᠬᠢ ᠰᠠᠶᠢᠨ ᠡᠷᠬᠢᠯᠳᠠ ᠶᠢ ᠪᠦᠷᠢᠯᠳᠤᠬᠦᠯᠤᠨ᠎ᠠ᠃ | —— ᠪᠡᠯᠡ ᠤᠷᠤᠭᠤᠯᠤᠨ ᠨᠠᠶᠢᠯᠡᠬᠦᠯᠬᠦ ᠵᠠᠮ ᠮᠦᠷ ᠢ ᠰᠢᠨᠠᠴᠢᠯᠡᠨᠠ᠃ ᠨᠠᠶᠢᠬᠡᠮ ᠤᠨ ᠪᠡᠯᠡ ᠤᠷᠤᠭᠤᠯᠤᠯᠳᠠ | ᠶᠢᠨ ᠨᠦᠯᠤᠬᠡᠯᠡᠯ ᠢ ᠪᠠᠳᠠᠷᠠᠭᠤᠯᠵᠤ᠂ PPP᠂ ᠵᠢᠬᠡᠯᠡᠯᠬᠡ ᠶᠢᠨ ᠬᠦᠤ ᠮᠦᠩᠬᠦ ᠶᠢ ᠨᠢ ᠲᠦᠯᠤᠬᠦ᠂ ᠬᠤᠷᠰᠢᠨ | ᠠᠵᠢᠯᠯᠠᠵᠤ ᠨᠡᠬᠡᠬᠡᠬᠦ ᠵᠡᠷᠬᠡ ᠤᠯᠠᠨ ᠵᠦᠢᠯ ᠤᠨ ᠠᠷᠭ᠎ᠠ ᠶᠢ ᠢᠳᠡᠪᠬᠢᠳᠠᠢ ᠡᠷᠢᠯᠬᠢᠯᠡᠵᠤ᠂ ᠤᠯᠤᠰ᠂ ᠦᠪᠡᠷᠳᠡᠬᠡᠨ | ᠵᠠᠰᠠᠬᠤ ᠤᠷᠤᠨ ᠤ ᠬᠤᠷᠸ᠎ᠠ ᠳᠤᠬᠢᠷᠠᠭᠤᠯᠭ᠎ᠠ ᠶᠢᠨ ᠲᠦᠷᠤ ᠶᠢᠨ ᠪᠤᠳᠤᠯᠭ᠎ᠠ ᠶᠢ ᠡᠵᠡᠮᠳᠡᠵᠤ᠂ ᠮᠦᠩᠬᠦᠨ ᠬᠦᠢᠯᠬᠡᠬᠡᠨ | ᠤ ᠳᠡᠮᠵᠢᠯᠬᠡ ᠶᠢ ᠢᠳᠡᠪᠬᠢᠯᠡᠨ ᠤᠯᠵᠤ᠂ ᠪᠠᠶᠢᠭᠤᠯᠤᠯᠳᠠ ᠶᠢᠨ ᠪᠡᠯᠡ ᠮᠦᠩᠬᠦ ᠶᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠤᠨ᠂ ᠲᠦᠷᠤᠯ ᠵᠦᠢᠯ ᠤᠨ ᠤᠷᠣᠭᠰᠢᠳᠠᠢ ᠠᠬᠢᠬᠤ ᠶᠢ ᠪᠠᠳᠤᠯᠠᠨ᠎ᠠ᠃ ᠠᠷᠠᠯᠵᠢᠶᠠᠴᠢᠨ ᠤᠷᠢᠵᠤ | ᠪᠡᠯᠡ ᠳᠠᠳᠠᠬᠤ ᠬᠦᠴᠤᠯᠡᠴᠠ ᠪᠠᠨ ᠨᠡᠮᠡᠭᠳᠡᠬᠦᠯᠤᠨ᠂ ᠭᠠᠳᠠᠨ᠎ᠠ ᠭᠠᠵᠠᠷ ᠠᠴᠠ ᠠᠷᠠᠯᠵᠢᠶᠠᠴᠢᠨ ᠤᠷᠢᠬᠤ᠂ ᠳᠤᠭᠳᠠᠮᠠᠯ | ᠴᠢᠭᠯᠡᠯ ᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠨ ᠤ ᠶᠠᠪᠤᠳᠠᠯ ᠢᠶᠠᠷ ᠠᠷᠠᠯᠵᠢᠶᠠᠴᠢᠨ ᠤᠷᠢᠬᠤ᠂ ᠠᠵᠤ | ᠤᠶᠢᠯᠡᠰ ᠢᠶᠠᠷ ᠬᠤᠯᠪᠤᠭᠠᠯᠠᠨ ᠤᠷᠢᠬᠤ ᠵᠡᠷᠬᠡ ᠠᠷᠭ᠎ᠠ ᠬᠡᠯᠪᠡᠷᠢ ᠢ ᠬᠡᠷᠡᠭᠯᠡᠨ᠂ ᠠᠷᠠᠯᠵᠢᠶᠠᠴᠢᠨ ᠤᠷᠢᠵᠤ ᠪᠡᠯᠡ | ᠬᠤᠷᠠᠮᠳᠤᠭᠤᠯᠬᠤ ᠨᠦᠬᠦᠴᠡᠯ ᠢᠶᠠᠨ ᠰᠢᠯᠢᠳᠡᠭᠵᠢᠬᠦᠯᠵᠤ᠂ ᠶᠡᠭᠡ ᠲᠦᠷᠤᠯ ᠵᠦᠢᠯ ᠤᠨ ᠤᠷᠤᠨᠵᠢᠯᠳᠠ ᠪᠠ ᠪᠠᠭ᠎ᠠ | ᠲᠦᠷᠤᠯ ᠵᠦᠢᠯ ᠤᠨ ᠬᠡᠷᠡᠭᠵᠢᠬᠦᠯᠤᠯᠳᠠ ᠳᠤ ᠤᠬᠢ ᠰᠠᠶᠢᠨ ᠬᠦᠭᠵᠢᠯᠳᠠ ᠶᠢᠨ ᠤᠷᠴᠢᠨ ᠤᠯᠭᠤᠨ᠎ᠠ᠃ | —— ᠠᠵᠤ ᠠᠬᠤᠶᠢᠯᠠᠯ ᠤᠨ ᠠᠵᠢᠯᠯᠠᠭᠠᠨ ᠤ ᠦᠪᠡᠷ ᠤᠨ ᠦᠷᠳᠡᠭ ᠢ ᠪᠠᠭᠠᠰᠬᠠᠨ᠎ᠠ᠃ ᠤᠯᠤᠰ᠂ ᠤᠷᠤᠨ᠂ | ᠬᠤᠳᠠ ᠶᠢᠨ ᠵᠠᠰᠠᠭ ᠢ ᠴᠤᠮᠬᠠᠤᠨᠬᠠᠨ᠂ ᠡᠷᠬᠡ ᠶᠢ ᠳᠠᠯᠪᠢᠬᠤ᠂ ᠭᠠᠶᠢᠯᠢ ᠶᠢ ᠪᠠᠭᠠᠰᠬᠠᠨ᠂ ᠵᠠᠷᠣᠳᠠᠯ ᠢ ᠪᠠᠭᠤᠷᠠᠭᠤᠯᠬᠤ | ᠂ ᠮᠦᠩᠬᠦᠨ ᠬᠦᠢᠯᠬᠡᠬᠡᠨ ᠤ ᠳᠡᠮᠵᠢᠯᠬᠡ ᠵᠡᠷᠬᠡ ᠳᠠᠯ᠎ᠠ ᠶᠢᠨ ᠲᠦᠷᠤ ᠶᠢᠨ ᠪᠤᠳᠤᠯᠭ᠎ᠠ ᠶᠢ ᠳᠤᠤᠱᠯᠠᠭᠤᠯᠤᠨ | ᠪᠤᠳᠠᠳᠠᠶᠢᠵᠢᠭᠤᠯᠵᠤ᠂ ᠠᠵᠤ ᠠᠬᠤᠶᠢᠯᠠᠯ ᠤᠨ ᠭᠠᠶᠢᠯᠢ ᠶᠢᠨ ᠵᠠᠷᠣᠳᠠᠯ ᠤᠨ ᠦᠪᠡᠷ ᠤᠨ ᠦᠷᠳᠡᠭ᠂ ᠤᠶᠢᠯᠡᠤᠨᠪᠤᠷᠢᠯᠡᠯ | ᠤᠨ ᠦᠪᠡᠷ ᠤᠨ ᠦᠷᠳᠡᠭ ᠢ ᠪᠠᠭᠠᠰᠬᠠᠬᠤ ᠵᠡᠷᠬᠡ ᠳᠠᠯ᠎ᠠ ᠠᠴᠠ ᠭᠠᠷᠳᠠᠵᠤ᠂ ︽ᠨᠢᠬᠡ ᠴᠤᠩᠬᠤ ᠪᠠᠷ ᠬᠦᠯᠢᠶᠡᠨ ᠠᠪᠬᠤ | ︾᠂ ᠰᠦᠯᠵᠢᠶᠡᠨ ᠳᠡᠬᠡᠷ᠎ᠠ ᠬᠢᠨᠠᠨ ᠴᠣᠬᠤᠯᠠᠪᠦᠷᠢᠯᠠᠬᠤ ᠪᠠ ᠬᠠᠮᠳᠤᠷᠠᠨ ᠬᠢᠨᠠᠨ ᠴᠣᠬᠤᠯᠠᠪᠦᠷᠢᠯᠠᠬᠤ ᠬᠡᠷᠡᠭᠵᠢᠬᠦᠯᠤᠯᠳᠠ | ᠶᠢ ᠲᠦᠷᠬᠡᠤᠨᠬᠡᠨ᠂ ᠵᠠᠭᠤᠴᠢ ᠤᠶᠢᠯᠡᠴᠢᠯᠡᠭᠡ ᠶᠢ ᠲᠦᠷᠢᠮᠵᠢᠬᠦᠯᠵᠤ᠂ ᠵᠠᠷᠤᠳᠠᠯ ᠬᠤᠷᠢᠶᠠᠯᠳᠠ ᠶᠢᠨ ᠳᠠᠩᠰᠠ | ᠢᠯᠡᠰᠢᠬᠦᠯᠬᠦ ᠲᠦᠷᠢᠮ ᠢ ᠳᠡᠬᠦᠯᠳᠡᠷᠵᠢᠬᠦᠯᠵᠤ᠂ ᠤᠶᠢᠯᠡᠴᠢᠯᠡᠭᠡ ᠶᠢᠨ ᠵᠠᠷᠤᠳᠠᠯ ᠬᠤᠷᠢᠶᠠᠬᠤ ᠪᠠᠷᠢᠮᠵᠢᠶ᠎ᠠ ᠶᠢ | ᠪᠠᠭᠤᠷᠠᠭᠤᠯᠤᠨ᠂ ᠠᠵᠤ ᠠᠬᠤᠶᠢᠯᠡᠯ ᠤᠨ ᠦᠪᠡᠷ ᠤᠨ ᠦᠷᠳᠡᠭ ᠢ ᠠᠷᠪᠢᠯᠠᠨ᠎ᠠ᠃ ᠴᠠᠬᠢᠯᠭᠠᠨ ᠤ ᠨᠦᠬᠦᠪᠤᠷᠢ᠂ | ᠰᠢᠳᠠᠮᠠᠬᠠᠢ ᠬᠡᠢ ᠶᠢᠨ ᠬᠠᠷᠠᠭᠠᠯᠵᠠᠯ ᠤᠨ ᠪᠤᠳᠤᠯᠭ᠎ᠠ ᠵᠡᠷᠬᠡ ᠶᠢ ᠢᠳᠡᠪᠬᠢᠯᠡᠨ ᠤᠯᠵᠤ᠂ ᠠᠵᠤ ᠠᠬᠤᠶᠢᠯᠠᠯ ᠤᠨ | ᠴᠢᠬᠤᠯᠠ ᠡᠯᠧᠮᠧᠨ᠋ᠲ ᠤᠨ ᠪᠤᠭᠤᠮᠢ ᠬᠢᠵᠠᠭᠠᠷᠯᠠᠯ ᠢ ᠰᠢᠢᠤᠨᠪᠤᠷᠢᠯᠡᠨᠠ᠂ | ︵ᠬᠤᠶᠠᠷ︶ ᠠᠵᠤ ᠤᠶᠢᠯᠡᠰ ᠤᠨ ᠪᠦᠳᠤᠴᠠ ᠶᠢ ᠰᠢᠯᠢᠳᠡᠭᠵᠢᠬᠦᠯᠤᠨ᠂ ᠬᠦᠭᠵᠢᠯᠳᠠ ᠶᠢᠨ ᠬᠦᠳᠡᠯᠬᠡᠭᠴᠢ | ᠬᠦᠴᠤᠨ ᠢ ᠴᠢᠩᠭᠠᠤᠨᠬᠠᠨ᠎ᠠ᠃ ᠡᠨᠧᠷᠬᠢ ᠶᠢᠨ ᠬᠠᠩᠭᠠᠯᠭ᠎ᠠ ᠶᠢᠨ ᠳᠠᠯ᠎ᠠ ᠶᠢᠨ ᠦᠬᠡᠷᠡᠴᠢᠯᠠᠯᠳᠠ᠂ ᠤᠳᠤ ᠦᠶ᠎ᠡ ᠶᠢᠨ | ᠤᠶᠢᠯᠡᠴᠢᠯᠡᠬᠡᠨ ᠤ ᠤᠶᠢᠯᠡᠰ ᠤᠨ ᠠᠭᠤᠰᠤᠯᠴᠠᠭᠰᠡᠨ ᠬᠦᠭᠵᠢᠯᠳᠠ᠂ ᠠᠵᠤ ᠤᠶᠢᠯᠡᠤᠨᠪᠤᠷᠢ ᠶᠢᠨ ᠪᠦᠳᠤᠴᠠ ᠶᠢᠨ | ᠬᠤᠪᠢᠷᠠᠭᠤᠯᠤᠯᠳᠠ ᠶᠢᠨ ᠳᠡᠰ ᠳᠡᠪᠰᠢᠯᠳᠠ ᠶᠢ ᠢᠳᠡᠪᠬᠢᠳᠠᠢ ᠠᠬᠢᠭᠤᠯᠵᠤ᠂ ᠠᠵᠤ ᠤᠶᠢᠯᠡᠰ ᠬᠠᠷᠢᠯᠴᠠᠨ | ᠨᠦᠬᠦᠪᠤᠷᠢᠯᠡᠵᠤ᠂ ᠠᠭᠤᠰᠤᠯᠴᠠᠨ ᠬᠠᠮᠳᠤᠷᠠᠭᠰᠡᠨ ᠬᠦᠭᠵᠢᠯᠳᠠ ᠶᠢᠨ ᠳᠤᠭᠳᠠᠯᠴᠠᠭ᠎ᠠ ᠶᠢ ᠪᠦᠷᠢᠯᠳᠤᠬᠦᠯᠤᠨ᠎ᠠ᠃ | —— ᠴᠢᠬᠤᠯᠠ ᠠᠵᠤ ᠥᠢᠯᠡᠳᠪᠥᠷᠢ ᠶᠢᠨ ᠲᠥᠷᠥᠯ ᠵᠥᠢᠯ ᠤᠨ ᠤᠷᠤᠨᠵᠢᠯᠳᠠ ᠪᠠᠶᠢᠭᠤᠯᠤᠯᠳᠠ ᠶᠢ | ᠠᠬᠢᠭᠤᠯᠤᠨ᠎ᠠ᠃ ᠨᠡᠬᠦᠷᠡᠰᠤᠨ ᠴᠠᠬᠢᠯᠭᠠᠨ᠂ ᠨᠡᠬᠦᠷᠡᠰᠤᠨ ᠬᠢᠮᠢ ᠶᠢᠨ ᠠᠵᠤ ᠤᠶᠢᠯᠡᠤᠨᠪᠤᠷᠢ ᠶᠢᠨ ᠲᠦᠷᠤᠯ ᠵᠦᠢᠯ᠂ | ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ ᠬᠦᠷᠬᠡᠯᠳᠠ ᠶᠢᠨ ᠱᠤᠭᠤᠮ ᠢ ᠱᠠᠯᠠᠪᠳᠠᠭᠤᠯᠣᠨ᠎ᠠ᠃ | ᠢᠳᠡᠪᠬᠢᠳᠠᠢ ᠬᠠᠷᠢᠯᠴᠠᠨ ᠵᠤᠬᠢᠴᠠᠭᠤᠯᠵᠤ᠂ ᠤᠯᠤᠰ ᠤᠨ ᠴᠠᠬᠢᠯᠭᠠᠨ ᠤ ᠰᠤᠸᠠᠩ ᠸᠧᠢ᠂ ᠱᠧᠨ ᠬᠤᠸᠠ ᠤᠯᠤᠰ ᠤᠨ | ᠡᠨᠧᠷᠬᠢ᠂ ᠱᠧᠩ ᠯᠤ᠋ ᠡᠨᠧᠷᠬᠢ ᠬᠢᠮᠢ᠂ ᠤᠮᠠᠷᠠᠳᠤ ᠶᠢᠨ ᠬᠠᠮᠳᠤᠷᠠᠭᠰᠡᠨ ᠴᠠᠬᠢᠯᠭᠠᠨ ᠬᠦᠴᠤ᠂ ᠤᠯᠤᠰ ᠤᠨ ᠴᠠᠬᠢᠯᠭᠠᠨ | ᠡᠨᠧᠷᠬᠢ ᠵᠡᠷᠬᠡ 5 ᠶᠡᠷᠤᠩᠬᠡᠢ ᠴᠤᠭᠴᠠᠯᠠᠪᠤᠷᠢ ᠶᠢᠨ ᠪᠠᠭᠳᠠᠭᠠᠮᠵᠢ ᠨᠢ 1000 ᠲᠦᠮᠡᠨ ᠺᠢᠯᠤᠸᠠᠲ ᠤᠨ ᠴᠠᠬᠢᠯᠭᠠᠨ | ᠬᠠᠩᠭᠠᠯᠭ᠎ᠠ ᠶᠢᠨ ᠲᠦᠷᠤᠯ ᠵᠦᠢᠯ ᠤᠨ ᠴᠣᠬᠤᠯᠠᠪᠤᠷᠢᠯᠠᠯ ᠤᠨ ᠠᠬᠢᠴᠠ ᠶᠢ ᠲᠦᠷᠬᠡᠤᠨᠬᠡᠨ᠂ ᠳᠤᠰ ᠵᠢᠯ ᠳᠤ | ᠵᠦᠪᠰᠢᠶᠡᠷᠡᠬᠦᠯᠤᠨ᠎ᠠ᠃ ᠬᠤᠸᠠ ᠰᠢᠩ ᠤᠨ 40 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠬᠦᠷᠡᠰᠤᠨ | ᠬᠢᠮᠢ ᠶᠢᠨ ᠲᠦᠷᠤᠯ ᠵᠦᠢᠯ ᠢ ᠲᠦᠷᠬᠡᠤᠨᠬᠡᠵᠤ᠂ ᠪᠠᠶᠢᠭᠤᠯᠤᠯᠳᠠ ᠶᠢᠨ ᠬᠦᠴᠢᠷᠳᠠᠯ ᠢ ᠴᠢᠷᠮᠠᠶᠢᠨ ᠰᠢᠪᠳᠤᠯᠵᠤ | ᠳᠠᠷᠤᠶᠢᠬᠠᠨ ᠵᠦᠪᠰᠢᠶᠡᠷᠡᠬᠦᠯᠬᠦ ᠪᠠᠷ ᠴᠢᠷᠮᠠᠶᠢᠨ᠎ᠠ᠃ ᠴᠢᠯᠠᠭᠤᠨ ᠳᠤᠰᠤ ᠰᠢᠳᠠᠮᠠᠬᠠᠢ ᠬᠡᠢ ᠶᠢᠨ ᠲᠦᠷᠤᠯ ᠵᠦᠢᠯ᠂ ᠱᠢ | ᠳ᠋ᠠ ᠶᠢᠨ ᠪᠤᠬᠢᠷᠳᠤᠯ ᠦᠬᠡᠢ ᠡᠨᠧᠷᠬᠢ ᠶᠢᠨ ᠨᠢᠬᠡᠳᠤᠬᠡᠷ ᠬᠤᠭᠤᠴᠠᠭᠠᠨ ᠤ 20 ᠲᠦᠮᠡᠨ ᠳᠤᠨ ᠤ LNG ᠶᠢᠨ | ᠲᠦᠷᠤᠯ ᠵᠦᠢᠯ ᠢ ᠬᠡᠷᠡᠭᠯᠡᠯᠳᠠ ᠳᠤ ᠤᠷᠤᠭᠤᠯᠵᠤ᠂ ᠺᠧ ᠰᠧ ᠶᠢᠨ 40 ᠲᠦᠮᠡᠨ ᠳᠤᠨ᠂ ᠶᠠ ᠬᠠᠢ ᠶᠢᠨ | ᠨᠢᠬᠡᠳᠤᠬᠡᠷ ᠬᠤᠭᠤᠴᠠᠭᠠᠨ ᠤ 30 ᠲᠦᠮᠡᠨ ᠳᠤᠨ LNG ᠶᠢᠨ ᠲᠦᠷᠤᠯ ᠵᠦᠢᠯ ᠢ ᠳᠤᠷᠰᠢᠨ ᠤᠶᠢᠯᠡᠤᠨᠪᠤᠷᠢᠯᠡᠬᠦ | ᠨᠦᠬᠦᠴᠡᠯ ᠳᠤ ᠬᠦᠷᠬᠡᠵᠤ᠂ ᠵᠠᠨᠠᠷ ᠤᠨ ᠬᠡᠢ᠂ ᠰᠢᠩᠬᠡᠨᠵᠢᠬᠦᠯᠦᠭᠰᠡᠨ ᠭᠠᠰ ᠵᠡᠷᠬᠡ ᠪᠠᠶᠢᠩᠭᠤ ᠶᠢᠨ ᠪᠤᠰᠤ ᠳᠤᠰᠤ ᠬᠡᠢ | ᠶᠢᠨ ᠡᠬᠢ ᠰᠤᠷᠪᠤᠯᠵᠢ ᠶᠢᠨ ᠬᠠᠶᠢᠯᠳᠠ ᠨᠡᠬᠡᠬᠡᠯᠳᠠ ᠶᠢ ᠲᠦᠷᠬᠡᠤᠨᠬᠡᠵᠤ᠂ ᠳᠤᠰᠤᠨ ᠬᠤᠤᠨᠳᠤᠭ ᠤᠨ ᠬᠠᠶᠠᠭᠳᠠᠮᠠᠯ ᠢ | ᠰᠢᠢᠤᠨᠪᠤᠷᠢᠯᠡᠬᠦ ᠲᠦᠷᠤᠯ ᠵᠦᠢᠯ ᠪᠤᠯᠤᠨ ᠴᠠᠩ ᠴᠢᠩ ᠤᠨ ᠲᠦᠷᠪᠡᠳᠤᠬᠡᠷ ᠬᠡᠢ ᠶᠢᠨ ᠤᠶᠢᠯᠡᠤᠨᠪᠤᠷᠢ ᠠᠴᠠ ᠤᠯᠵᠠᠴᠢ | ᠶᠢᠨ ᠶᠡᠷᠤᠩᠬᠡᠶᠢᠯᠡᠭᠰᠡᠨ ᠠᠵᠤ ᠤᠶᠢᠯᠡᠰ ᠤᠨ ᠬᠦᠷᠢᠶᠡᠯᠡᠩ ᠳᠤ ᠬᠡᠢ ᠬᠦᠷᠬᠡᠬᠦ ᠬᠤᠭᠤᠯᠠᠢ ᠶᠢᠨ ᠪᠠᠶᠢᠭᠤᠯᠤᠯᠳᠠ ᠶᠢ | ᠠᠬᠢᠭᠤᠯᠵᠤ᠂ ᠰᠢᠳᠠᠮᠠᠬᠠᠢ ᠬᠡᠢ ᠶᠢᠨ ᠭᠠᠷᠤᠯᠳᠠ ᠶᠢ 55 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠬᠦᠷᠬᠡᠨ᠎ᠠ᠃ | ᠨᠡᠬᠦᠷᠡᠰᠤᠨ ᠠᠭᠤᠷᠬᠠᠢ ᠶᠢᠨ ᠲᠦᠷᠤᠯ ᠵᠦᠢᠯ᠂ ᠨᠡᠬᠦᠷᠡᠰᠤ ᠴᠠᠬᠢᠯᠭᠠᠨ ᠤ ᠬᠤᠯᠪᠤᠭᠠᠳᠤ ᠡᠵᠡᠩᠨᠡᠯᠳᠠ᠂ ᠨᠡᠭᠦᠷᠡᠰᠣᠨ | ᠠᠵᠤ ᠠᠬᠤᠶᠢᠯᠠᠯ ᠤᠨ ᠬᠤᠯᠪᠤᠭᠠᠳᠤ ᠡᠵᠡᠩᠨᠡᠯᠳᠠ ᠶᠢ ᠲᠦᠷᠬᠡᠤᠨᠬᠡᠨ᠂ ᠨᠡᠬᠦᠷᠡᠰᠤ᠂ ᠨᠡᠬᠦᠷᠡᠰᠤᠨ ᠴᠠᠬᠢᠯᠭᠠᠨ᠂ | ᠨᠡᠬᠦᠷᠡᠰᠤᠨ ᠬᠢᠮᠢ ᠶᠢᠨ ᠠᠵᠤ ᠤᠶᠢᠯᠡᠤᠨᠪᠤᠷᠢ ᠶᠢ ᠠᠭᠤᠰᠤᠯᠴᠠᠭᠤᠯᠤᠨ ᠨᠦᠬᠦᠪᠤᠷᠢᠯᠡᠭᠰᠡᠨ ᠬᠦᠭᠵᠢᠯᠳᠠ ᠶᠢ | ᠠᠬᠢᠭᠤᠯᠤᠨ᠎ᠠ᠃ ᠵᠢᠯ ᠤᠨ ᠳᠤᠳᠤᠷ᠎ᠠ ᠪᠠᠶᠢᠭᠤᠯᠵᠤ ᠪᠠᠶᠢᠭ᠎ᠠ ᠨᠡᠬᠦᠷᠡᠰᠤᠨ ᠠᠭᠤᠷᠬᠠᠢ ᠶᠢᠨ ᠶᠡᠷᠤᠩᠬᠡᠢ ᠬᠡᠪᠴᠢᠶᠡᠵᠢᠯ ᠢ | 3500 ᠲᠦᠮᠡᠨ ᠳᠤᠨ ᠬᠦᠷᠬᠡᠵᠤ᠂ ᠭᠠᠷᠤᠯᠳᠠ ᠶᠢᠨ ᠬᠡᠮᠵᠢᠶ᠎ᠡ ᠶᠢ 1500 ᠲᠦᠮᠡᠨ ᠳᠤᠨ ᠬᠦᠷᠬᠡᠨ᠎ᠠ᠃ ᠰᠢᠨ᠎ᠠ | ᠡᠨᠧᠷᠬᠢ ᠶᠢᠨ ᠲᠦᠷᠤᠯ ᠵᠦᠢᠯ᠂ ᠴᠠᠬᠢᠯᠭᠠᠨ ᠬᠦᠷᠬᠡᠯᠳᠠ ᠶᠢᠨ ᠱᠤᠭᠤᠮ ᠤᠨ ᠳᠤᠭᠤᠷᠢᠨ ᠳᠤ ᠰᠢᠨ᠎ᠠ ᠡᠨᠧᠷᠬᠢ ᠶᠢᠨ | ᠲᠦᠷᠤᠯ ᠵᠦᠢᠯ ᠢ ᠤᠨᠴᠠᠯᠠᠭᠤᠯᠤᠨ ᠤᠷᠤᠨᠵᠢᠭᠤᠯᠬᠤ ᠶᠢ ᠪᠠᠳᠤᠯᠠᠵᠤ᠂ ᠠᠵᠤ ᠤᠶᠢᠯᠡᠤᠨᠪᠤᠷᠢ ᠶᠢᠨ ᠠᠵᠤ ᠤᠶᠢᠯᠡᠰ | ᠤᠨ ᠤᠯᠠᠨ ᠳᠠᠯᠠᠳᠤ ᠬᠦᠭᠵᠢᠯᠳᠠ ᠶᠢ ᠠᠬᠢᠭᠤᠯᠤᠨ᠎ᠠ᠃ | —— ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠬᠦᠴᠤᠯᠡᠨ ᠬᠦᠭᠵᠢᠬᠦᠯᠤᠨ᠎ᠠ᠃ ᠤᠳᠤ ᠦᠶ᠎ᠡ ᠶᠢᠨ | ᠤᠶᠢᠯᠡᠴᠢᠯᠡᠬᠡᠨ ᠤ ᠤᠶᠢᠯᠡᠰ ᠢ ᠠᠵᠤ ᠠᠬᠤᠢ ᠶᠢᠨ ᠬᠦᠭᠵᠢᠯᠳᠠ ᠶᠢᠨ ᠴᠢᠬᠤᠯᠠ ᠳᠤᠯᠭᠠᠭᠤᠷᠢᠯᠠᠯ ᠪᠤᠯᠭᠠᠵᠤ᠂ ᠰᠢᠨ᠎ᠠ | ᠬᠡᠯᠪᠡᠷᠢ ᠶᠢᠨ ᠤᠶᠢᠯᠡᠴᠢᠯᠡᠬᠡᠨ ᠤ ᠠᠷᠭ᠎ᠠ ᠮᠠᠶ᠋ᠢᠭ ᠢ ᠢᠳᠡᠪᠬᠢᠳᠠᠢ ᠬᠦᠮᠤᠵᠢᠬᠦᠯᠤᠨ᠂ ᠤᠶᠢᠯᠡᠴᠢᠯᠡᠬᠡᠨ ᠤ ᠤᠶᠢᠯᠡᠰ ᠤᠨ | ᠪᠤᠵᠠᠭᠠᠶᠢᠷᠠᠯ᠂ ᠳᠡᠰ ᠳᠠᠪᠰᠢᠯᠳᠠ ᠶᠢ ᠠᠬᠢᠭᠤᠯᠤᠨ᠎ᠠ᠃ ᠶᠡᠭᠡ ᠳᠤᠬᠤᠢ᠂ ᠵᠢᠷᠠᠨ ᠬᠠᠶᠢᠯᠠᠰᠤ᠂ ᠪᠠᠶᠠᠨᠰᠢᠪᠠᠷ ᠤᠨ | ᠴᠠᠶᠢᠳᠠᠮ ᠵᠡᠷᠬᠡ ᠤᠨᠴᠠᠯᠢᠭᠳᠤ ᠦᠵᠡᠮᠵᠢ ᠶᠢᠨ ᠤᠷᠤᠨ ᠢ ᠨᠡᠬᠡᠬᠡᠨ ᠬᠦᠭᠵᠢᠬᠦᠯᠵᠤ᠂ ᠬᠠᠷᠢ ᠵᠢᠷᠭᠤᠭᠠᠨ ᠵᠠᠬᠢᠷᠭ᠎ᠠ ᠶᠢᠨ | ᠮᠦᠽᠸᠢ ᠪᠣᠯᠣᠨ ᠶᠠᠨ ᠠᠨ ᠤ ᠦᠨᠳᠤᠰᠤᠳᠠᠨ ᠤ ᠳᠡᠬᠡᠳᠤ ᠰᠤᠷᠭᠠᠭᠤᠯᠢ ᠶᠢᠨ ᠪᠤᠯᠪᠠᠰᠤᠷᠠᠯ ᠤᠨ ᠲᠦᠪ ᠤᠨ | ᠪᠠᠶᠢᠭᠤᠯᠤᠯᠳᠠ᠂ ᠶᠢᠤᠵᠸᠤ ᠶᠢᠨ ᠬᠤᠳᠠ ᠶᠢᠨ ᠪᠠᠭᠤᠷᠢ ᠶᠢᠨ ᠬᠠᠮᠠᠭᠠᠯᠠᠯᠳᠠ ᠰᠡᠯᠪᠢᠯᠳᠠ᠂ ᠳᠠᠬᠢᠯᠳᠤ ᠶᠢᠨ ᠠᠵᠢᠯᠯᠠᠬᠤ | ᠬᠤᠷᠢᠶᠠᠨ ᠤ ᠦᠭᠡᠷᠡᠴᠢᠯᠡᠯᠳᠠ ᠵᠡᠷᠬᠡ ᠶᠢ ᠬᠡᠷᠡᠭᠵᠢᠬᠦᠯᠵᠤ᠂ ᠤᠯᠵᠠᠴᠢ ᠪᠠᠯᠭᠠᠰᠤᠨ ᠤ ᠵᠢᠭᠤᠯᠴᠢᠤᠨ ᠤᠨ ᠲᠦᠪ᠂ | ᠳᠤᠭᠯᠠᠯᠳᠠ ᠶᠢᠨ ᠲᠦᠪ ᠵᠡᠷᠬᠡ ᠶᠢ ᠡᠵᠡᠩᠨᠡᠨ᠂ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ᠂ ᠨᠤᠭᠤ ᠭᠠᠵᠠᠷ ᠤᠨ | ᠬᠦᠷᠢᠶᠡᠯᠡᠩ᠂ ᠠᠮᠢ ᠠᠬᠤᠢ ᠶᠢᠨ ᠴᠡᠴᠡᠷᠯᠢᠭ᠂ ᠡᠯᠡᠰᠤ ᠮᠠᠩᠬᠠᠨ ᠴᠡᠴᠡᠷᠯᠢᠭ ᠵᠡᠷᠬᠡ ᠶᠢᠨ ᠴᠤᠭᠴᠠᠯᠠᠯᠳᠠ ᠶᠢ | ᠰᠠᠶᠢᠳᠤᠷ ᠬᠢᠵᠤ᠂ ᠰᠤᠶᠤᠯ ᠵᠢᠭᠤᠯᠴᠢᠯᠠᠯ ᠤᠨ ᠠᠭᠤᠰᠤᠯᠴᠠᠯ ᠬᠤᠯᠪᠤᠭᠠᠯᠠᠯ᠂ ᠲᠦᠪᠯᠡᠷᠡᠩᠬᠦᠢ ᠬᠦᠭᠵᠢᠯᠳᠠ ᠶᠢ | ᠠᠬᠢᠭᠤᠯᠤᠨ᠎ᠠ᠃ ᠳᠡᠮᠤᠷ ᠵᠠᠮ᠂ ᠵᠠᠰᠠᠮᠠᠯ ᠵᠠᠮ ᠵᠡᠷᠬᠡ ᠵᠠᠮ ᠬᠠᠷᠢᠯᠴᠠᠭᠠᠨ ᠤ ᠭᠤᠤᠯ ᠱᠤᠭᠤᠮ ᠳᠠᠭᠠᠤ ᠵᠢᠭᠤᠯᠴᠢᠯᠠᠯ | ᠤᠨ ᠣᠶᠢᠯᠠᠴᠢᠯᠠᠯ ᠦᠷᠳᠡᠭᠡ ᠪᠠᠶᠢᠭᠤᠯᠵᠤ᠂ ︽ᠲᠦᠪᠯᠡᠷᠡᠩᠬᠦᠢ︾ ᠪᠦᠬᠦ ᠳᠠᠯ᠎ᠠ ᠶᠢᠨ ᠤᠶᠢᠯᠡᠴᠢᠯᠡᠭᠡ ᠶᠢ | ᠬᠡᠷᠡᠭᠵᠢᠬᠦᠯᠤᠨ᠎ᠠ᠃ ᠳᠤᠮᠤ ᠠᠵᠤ ᠠᠬᠤᠶᠢᠯᠠᠯ ᠪᠠ ᠳᠤᠮᠤ ᠳᠠᠪᠴᠠᠩ ᠯᠤᠭ᠎ᠠ ᠶᠢᠨ ᠬᠠᠮᠳᠤᠷᠠᠯᠴᠠᠭᠰᠡᠨ ᠡᠵᠡᠩᠨᠡᠯᠳᠠ ᠶᠢ | ᠬᠦᠨᠵᠡᠬᠡᠶᠢᠷᠡᠬᠦᠯᠤᠨ᠂ ᠤᠨᠴᠠᠯᠢᠭ ᠳᠤᠳᠤ᠂ ᠬᠡᠯᠪᠡᠷᠢ ᠠᠷᠪᠢᠨ ᠵᠢᠭᠤᠯᠴᠢᠯᠠᠯ ᠤᠨ ᠨᠡᠷ᠎ᠡ ᠳᠡᠮᠳᠡᠭ ᠢ ᠪᠦᠳᠤᠬᠡᠵᠤ᠂ | ᠰᠤᠷᠳᠠᠯ ᠤᠬᠠᠭᠤᠯᠭ᠎ᠠ ᠶᠢ ᠴᠢᠩᠭᠠᠤᠨᠬᠠᠨ᠂ ᠴᠢᠬᠤᠯᠠ ᠪᠠᠶᠠᠷ ᠳᠤᠷᠠᠰᠬᠠᠯ ᠤᠨ ᠠᠵᠢᠯ ᠢᠶᠠᠷ ᠨᠡᠷ᠎ᠡ ᠠᠯᠳᠠᠷᠰᠢᠯ ᠢᠶᠠᠨ | ᠦᠷᠬᠡᠤᠨᠬᠡᠨᠠ᠃ ᠰᠤᠶᠤᠯ ᠤᠨ ᠠᠵᠤ ᠤᠶᠢᠯᠡᠰ ᠤᠨ ᠬᠦᠷᠢᠶᠡᠯᠡᠩ ᠢ ᠠᠵᠢᠯᠯᠠᠭᠤᠯᠵᠤ᠂ ᠤᠯᠵᠠᠴᠢ ᠪᠠᠯᠭᠠᠰᠤᠨ ᠤ | ᠶᠡᠷᠤᠩᠬᠡᠶᠢᠯᠡᠭᠰᠡᠨ ᠪᠤᠳᠠᠰ ᠤᠨ ᠬᠦᠢᠯᠬᠡᠬᠡ ᠶᠢᠨ ᠬᠦᠷᠢᠶᠡᠯᠡᠩ᠂ ᠱᠠᠩᠬᠠᠢ ᠶᠢᠨ ᠰᠦᠮ᠎ᠠ ᠨᠡᠬᠦᠷᠡᠰᠤᠨ ᠬᠦᠢᠯᠬᠡᠬᠡ ᠶᠢᠨ | ᠬᠦᠷᠢᠶᠡᠯᠡᠩ ᠢ ᠪᠠᠶᠢᠭᠤᠯᠤᠨ᠂ ᠮᠦᠩᠬᠦᠨ ᠬᠦᠢᠯᠬᠡᠬᠡᠨ ᠤ ᠤᠶᠢᠯᠡᠰ ᠢ ᠬᠦᠭᠵᠢᠬᠡᠵᠤ᠂ ᠡᠷᠡᠬᠦᠯᠵᠢᠯ ᠬᠠᠷᠠᠭᠠᠯᠵᠠᠯ | ᠰᠤᠪᠢᠯᠠᠯ ᠨᠠᠰᠣᠵᠢᠯ ᠢ ᠴᠢᠬᠤᠯᠠᠴᠢᠯᠠᠨ᠂ ᠡᠷᠡᠬᠦᠯᠵᠢᠯᠬᠡ ᠶᠢᠨ ᠤᠶᠢᠯᠡᠰ ᠤᠨ ᠬᠦᠭᠵᠢᠯᠳᠠ ᠶᠢ ᠲᠦᠷᠬᠡᠤᠨᠬᠡᠨ᠎ᠠ᠃ | ᠤᠶᠢᠯᠡᠤᠨᠪᠤᠷᠢᠯᠡᠯ ᠤᠨ ᠴᠢᠨᠠᠷᠳᠠᠢ ᠤᠶᠢᠯᠡᠴᠢᠯᠡᠬᠡᠨ ᠤ ᠤᠶᠢᠯᠡᠰ ᠪᠠ ᠠᠮᠢᠳᠤᠷᠠᠯ ᠤᠨ ᠴᠢᠨᠠᠷᠳᠠᠢ ᠤᠶᠢᠯᠡᠴᠢᠯᠡᠬᠡᠨ ᠤ | ᠤᠶᠢᠯᠡᠰ ᠤᠨ ᠵᠤᠬᠢᠴᠠᠩᠭᠤᠢ ᠬᠦᠭᠵᠢᠯᠳᠠ ᠶᠢ ᠠᠬᠢᠭᠤᠯᠤᠨ᠎ᠠ᠃ ᠢᠨᠲ᠋ᠧᠷ ᠰᠦᠯᠵᠢᠶᠠᠨ ᠤ ᠠᠵᠤ ᠠᠬᠤᠢ ᠶᠢ | ᠬᠦᠭᠵᠢᠬᠦᠯᠤᠨ᠂ ᠡᠯᠧᠺᠲᠷᠤᠨ ᠠᠷᠠᠯᠵᠢᠶ᠎ᠠ ᠪᠤᠯᠤᠨ ᠭᠤᠷᠪᠠᠳᠤᠭᠠᠷ ᠠᠵᠤ ᠤᠶᠢᠯᠡᠰ ᠤᠨ ᠬᠦᠨᠵᠡᠬᠡᠢ ᠠᠭᠤᠰᠤᠯᠴᠠᠯ ᠢ | ᠪᠡᠶᠡᠯᠡᠬᠦᠯᠤᠨ᠎ᠠ᠃ | —— ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢᠨ ᠠᠷᠭ᠎ᠠ ᠮᠠᠶ᠋ᠢᠭ ᠢ ᠬᠤᠪᠢᠷᠠᠭᠤᠯᠤᠨ᠎ᠠ᠃ | ᠨᠢᠬᠡᠳᠤᠯᠳᠠᠢ ᠲᠦᠯᠤᠪᠵᠢᠬᠦᠯᠬᠦ ᠪᠠ ᠵᠤᠬᠢᠰᠳᠠᠢ ᠪᠠᠶᠢᠷᠢᠯᠠᠭᠤᠯᠬᠤ᠂ ᠳᠤᠬᠠᠢ ᠶᠢᠨ ᠭᠠᠵᠠᠷ ᠳᠤ ᠨᠢ ᠵᠤᠬᠢᠴᠠᠭᠤᠯᠬᠤ ᠶᠢ | ᠪᠠᠷᠢᠮᠳᠠᠯᠠᠨ᠂ ᠤᠷᠤᠨ ᠬᠡᠪᠴᠢᠶᠡᠨ ᠤ ᠡᠬᠢ ᠰᠤᠷᠪᠤᠯᠵᠢ ᠶᠢᠨ ᠳᠠᠪᠠᠭᠤᠯᠢᠭ ᠲᠤ ᠰᠠᠭᠤᠷᠢᠯᠠᠨ᠂ ᠤᠨᠴᠠᠯᠢᠭᠳᠤ ᠳᠠᠷᠢᠵᠤ | ᠳᠡᠵᠢᠬᠡᠬᠦ ᠤᠶᠢᠯᠡᠰ ᠪᠠ ᠠᠮᠢ ᠠᠬᠤᠶᠢᠴᠢ ᠮᠠᠯᠵᠢᠬᠤ ᠤᠶᠢᠯᠡᠰ ᠢ ᠬᠦᠭᠵᠢᠬᠦᠯᠵᠤ᠂ ᠤᠶᠢᠷ᠎ᠠ ᠬᠠᠪᠢ ᠶᠢ ᠳᠠᠶᠢᠴᠢᠯᠠᠨ | ᠢᠷᠭᠠᠢ ᠳᠤ ᠤᠶᠢᠯᠡᠴᠢᠯᠡᠵᠤ ᠪᠦᠬᠦ ᠤᠯᠤᠰ ᠲᠤ ᠬᠠᠨᠳᠤᠭᠤᠯᠤᠭᠰᠡᠨ ᠮᠠᠯ ᠲᠠᠷᠢᠶᠠᠯᠠᠩ ᠤᠨ ᠠᠰᠢᠭ ᠰᠢᠮ᠎ᠠ ᠶᠢᠨ | ᠡᠳ᠋ᠰᠢᠬᠦᠯᠤᠯ ᠪᠤᠯᠪᠠᠰᠤᠷᠠᠭᠤᠯᠤᠯ ᠤᠨ ᠰᠠᠭᠤᠷᠢᠨ ᠢ ᠴᠤᠭᠴᠠᠯᠠᠨ᠎ᠠ᠃ ᠮᠠᠯ ᠳᠠᠷᠢᠶᠠᠯᠠᠩ ᠤᠨ ᠳᠠᠷᠢᠵᠤ ᠳᠡᠵᠢᠬᠡᠬᠦ | ᠠᠷᠠᠴᠢᠯᠠᠬᠤ ᠪᠦᠳᠤᠴᠠ ᠶᠢ ᠰᠢᠯᠢᠳᠡᠭᠵᠢᠬᠦᠯᠤᠨ᠂ ᠡᠪᠡᠰᠤ ᠪᠤᠷᠳᠤᠭᠠᠨ ᠤ ᠬᠠᠷᠢᠴᠠᠯ ᠢ ᠵᠤᠬᠢᠰᠳᠠᠢ ᠳᠤᠬᠢᠷᠠᠭᠤᠯᠤᠨ᠎ᠠ᠃ | ᠪᠦᠬᠦ ᠵᠢᠯ ᠳᠤ᠂ ᠠᠮᠢ ᠠᠬᠤᠶᠢᠴᠢ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ 40᠂ ᠳᠡᠵᠢᠬᠡᠨ ᠦᠷᠡᠵᠢᠬᠦᠯᠬᠦ | ᠡᠷᠤᠬᠡ ᠶᠢ 200 ᠪᠠᠶᠢᠭᠤᠯᠬᠤ ᠪᠠᠷ ᠴᠢᠷᠮᠠᠶᠢᠨ᠎ᠠ᠃ ᠴᠢᠩᠭ᠎ᠠ ᠦᠷᠢᠰᠬᠦ ᠬᠦᠴᠤᠨ ᠪᠦᠬᠦᠢ ᠳᠤᠯᠤᠭᠠᠶᠢᠯᠠᠭᠴᠢ ᠠᠵᠤ | ᠠᠬᠤᠶᠢᠯᠠᠯ ᠢ ᠪᠤᠶᠢᠵᠢᠭᠤᠯᠤᠨ᠂ ᠳᠤᠯᠤᠭᠠᠶᠢᠯᠠᠬᠤ ᠠᠵᠤ ᠠᠬᠤᠢ ᠪᠠᠷ ᠵᠢᠯᠤᠳᠤᠭᠤᠯᠤᠨ ᠰᠢᠨ᠎ᠠ ᠬᠡᠯᠪᠡᠷᠢ ᠶᠢᠨ ᠮᠠᠯ | ᠳᠠᠷᠢᠶᠠᠯᠠᠩ ᠤᠨ ᠤᠶᠢᠯᠡᠰ ᠤᠨ ᠬᠠᠮᠳᠤᠷᠠᠯ ᠵᠤᠬᠢᠶᠠᠨ ᠪᠠᠶᠢᠭᠤᠯᠤᠯᠳᠠ ᠶᠢ ᠬᠦᠭᠵᠢᠬᠦᠯᠵᠤ᠂ ᠮᠠᠯ ᠳᠠᠷᠢᠶᠠᠯᠠᠩ ᠤᠨ | ᠤᠶᠢᠯᠡᠰ ᠤᠨ ᠬᠡᠪᠴᠢᠶᠡᠵᠢᠯ᠂ ᠡᠷᠴᠢᠮᠵᠢᠯ᠂ ᠨᠡᠷᠡᠳᠤ ᠳᠡᠮᠳᠡᠭᠵᠢᠯ ᠤᠨ ᠬᠦᠭᠵᠢᠯᠳᠠ ᠶᠢᠨ ᠲᠦᠪᠰᠢᠨ ᠢ | ᠳᠡᠬᠡᠭᠰᠢᠯᠡᠬᠦᠯᠤᠨ᠎ᠠ᠃ ᠳᠤᠰ ᠵᠢᠯ ᠳᠤ᠂ ᠦᠪᠡᠷᠳᠡᠬᠡᠨ ᠵᠠᠰᠠᠬᠤ ᠤᠷᠤᠨ ᠤ ᠳᠡᠰ ᠤᠨ ᠳᠤᠯᠤᠭᠠᠶᠢᠯᠠᠬᠤ ᠠᠵᠤ | ᠠᠬᠤᠶᠢᠯᠡᠯ ᠢ 2᠂ ᠬᠤᠳᠠ ᠶᠢᠨ ᠳᠡᠰ ᠤᠨ ᠳᠤᠯᠤᠭᠠᠶᠢᠯᠠᠬᠤ ᠠᠵᠤ ᠠᠬᠤᠶᠢᠯᠡᠯ ᠢ 2 ᠴᠤᠭᠴᠠᠯᠠᠵᠤ᠂ ᠳᠤᠰᠬᠠᠢ | ᠬᠠᠮᠳᠤᠷᠠᠯ ᠵᠤᠬᠢᠶᠠᠨ ᠪᠠᠶᠢᠭᠤᠯᠤᠯᠳᠠ ᠶᠢᠨ ᠪᠦᠷᠬᠦᠴᠠ ᠶᠢᠨ ᠨᠤᠷᠮ᠎ᠠ ᠶᠢ 60% ᠳᠠᠪᠠᠭᠤᠯᠤᠨ᠎ᠠ᠃ ᠮᠠᠯ ᠳᠠᠷᠢᠶᠠᠯᠠᠩ | ᠤᠨ ᠪᠦᠳᠤᠬᠡᠭᠳᠡᠬᠦᠨ ᠤ ᠪᠦᠬᠦ ᠭᠤᠭᠴᠤᠭ᠎ᠠ ᠶᠢᠨ ᠬᠡᠳᠡᠷᠬᠦ ᠨᠡᠬᠡᠮᠵᠢᠯᠡᠬᠦ ᠰᠢᠰᠲ᠋ᠧᠮ ᠤᠨ ᠳᠤᠷᠰᠢᠯᠳᠠ ᠶᠢᠨ ᠠᠵᠢᠯ ᠢ | ᠱᠠᠯᠠᠪᠳᠠᠭᠤᠯᠤᠨ᠂ ᠪᠤᠬᠢᠷᠳᠤᠯ ᠦᠬᠡᠢ ᠤᠷᠭᠠᠨᠢᠭ ᠮᠠᠯ ᠳᠠᠷᠢᠶᠠᠯᠠᠩ ᠤᠨ ᠪᠦᠳᠤᠬᠡᠭᠳᠡᠬᠦᠨ ᠤ ᠨᠡᠷᠡᠳᠤ | ᠳᠡᠮᠳᠡᠭᠵᠢᠬᠦᠯᠤᠯᠳᠠ ᠪᠠ ᠪᠦᠳᠤᠬᠡᠭᠳᠡᠬᠦᠨ ᠤ ᠭᠠᠵᠠᠷ ᠵᠦᠢ ᠶᠢᠨ ᠬᠡᠷᠡᠴᠢᠯᠡᠯ ᠳᠠᠩᠰᠠᠯᠠᠯᠳᠠ ᠶᠢ ᠰᠠᠶᠢᠳᠤᠷ ᠬᠢᠵᠤ᠂ ᠮᠠᠯ | ᠲᠠᠷᠢᠶᠠᠯᠠᠩ ᠤᠨ ᠠᠰᠢᠭ ᠰᠢᠮ᠎ᠠ ᠶᠢᠨ ᠨᠡᠷᠡᠳᠤ ᠳᠡᠮᠳᠡᠭᠴᠢᠯᠠᠯᠳᠠ ᠶᠢᠨ ᠪᠠᠶᠢᠭᠤᠯᠤᠯᠳᠠ ᠶᠢ ᠠᠬᠢᠭᠤᠯᠤᠨ᠂ ᠵᠢᠯ ᠤᠨ | ᠳᠤᠳᠤᠷ᠎ᠠ ᠤᠯᠤᠰ ᠪᠠ ᠦᠪᠡᠷᠳᠡᠬᠡᠨ ᠵᠠᠰᠠᠬᠤ ᠤᠷᠤᠨ ᠤ ᠳᠡᠰ ᠤᠨ ᠮᠠᠯ ᠳᠠᠷᠢᠶᠠᠯᠠᠩ ᠤᠨ ᠤᠷᠭᠠᠨᠢᠭ ᠪᠦᠳᠤᠬᠡᠭᠳᠡᠬᠦᠨ | ᠤ ᠨᠡᠷᠡᠳᠤ ᠳᠡᠮᠳᠡᠭ ᠢ 2 — 3 ᠪᠦᠳᠤᠬᠡᠨᠠ᠃ ︽ᠢᠨᠲ᠋ᠧᠷ ᠰᠦᠯᠵᠢᠶ᠎ᠡ+︾ ᠶᠢ ᠬᠦᠢᠴᠡᠤᠨ ᠠᠰᠢᠭᠯᠠᠨ᠂ ᠮᠠᠯ | ᠳᠠᠷᠢᠶᠠᠯᠠᠩ ᠤᠨ ᠤᠶᠢᠯᠡᠰ ᠪᠠ ᠬᠤᠶᠠᠷ ᠭᠤᠷᠪᠠᠳᠤᠭᠠᠷ ᠠᠵᠤ ᠤᠶᠢᠯᠡᠰ ᠤᠨ ᠵᠤᠬᠢᠴᠠᠯᠳᠤ ᠬᠦᠭᠵᠢᠯᠳᠠ ᠶᠢ | ᠠᠬᠢᠭᠤᠯᠵᠤ᠂ ᠡᠯᠧᠺᠲᠷᠤᠨ ᠠᠷᠠᠯᠵᠢᠶᠠᠨ ᠤ ᠤᠶᠢᠯᠡᠴᠢᠯᠡᠬᠡᠨ ᠤ ᠳᠡᠪᠴᠠᠩ ᠢ ᠪᠠᠶᠢᠭᠤᠯᠤᠨ ᠳᠡᠰ ᠳᠡᠪᠰᠢᠬᠦᠯᠵᠤ᠂ ᠮᠠᠯ | ᠲᠠᠷᠢᠶᠠᠯᠠᠩ ᠤᠨ ᠠᠰᠢᠭ ᠰᠢᠮ᠎ᠠ ᠶᠢᠨ ᠪᠤᠷᠤᠯᠠᠭᠤᠯᠭ᠎ᠠ ᠶᠢᠨ ᠵᠠᠮ ᠮᠦᠷ ᠢ ᠰᠢᠯᠤᠭᠤᠤᠨᠬᠠᠵᠤ᠂ ᠮᠠᠯ ᠳᠠᠷᠢᠶᠠᠯᠠᠩ ᠤᠨ | ᠠᠰᠢᠭ ᠰᠢᠮ᠎ᠠ ᠶᠢᠨ ᠪᠤᠷᠤᠯᠠᠭᠤᠯᠭ᠎ᠠ ᠪᠠ ᠳᠠᠷᠢᠬᠤ ᠳᠡᠵᠢᠬᠡᠬᠦ᠂ ᠡᠳ᠋ᠰᠢᠬᠦᠯᠬᠦ ᠶᠢᠨ ᠴᠤᠭᠴᠠᠵᠢᠭᠰᠡᠨ ᠬᠦᠭᠵᠢᠯᠳᠠ ᠶᠢ | ᠠᠬᠢᠭᠤᠯᠤᠨ᠎ᠠ᠃ ᠬᠦᠷᠤᠬᠡᠨ ᠳᠠᠮᠵᠢᠭᠤᠯᠬᠤ ᠬᠦᠢᠯᠬᠡᠬᠡ ᠶᠢ ᠬᠦᠭᠵᠢᠬᠦᠯᠤᠨ᠂ ᠢᠳᠡᠰᠢᠨ ᠨᠤᠭᠤᠭᠠᠨ ᠤ ᠰᠢᠨ᠎ᠠ | ᠰᠤᠷᠭᠤᠭ ᠪᠠ ᠮᠠᠯ ᠤᠨ ᠠᠰᠢᠭ ᠰᠢᠮ᠎ᠠ ᠶᠢᠨ ᠬᠦᠮᠤᠷᠬᠡᠯᠡᠯᠳᠠ ᠵᠡᠷᠬᠡ ᠶᠢᠨ ᠪᠠᠶᠢᠭᠤᠯᠤᠯᠳᠠ ᠶᠢ ᠠᠬᠢᠭᠤᠯᠤᠨ᠎ᠠ᠃ ︽ | ᠠᠷᠪᠠ ᠶᠢ ᠨᠠᠶᠢᠳᠠᠮ ᠪᠡᠶᠡᠯᠡᠬᠦᠯᠬᠦ ᠠᠵᠢᠯ︾ ᠢ ᠰᠠᠶᠢᠳᠤᠷ ᠨᠠᠶᠢᠳᠠᠪᠤᠷᠢᠵᠢᠭᠤᠯᠤᠨ᠂ ᠬᠡᠷ ᠪᠠᠶᠢᠰᠢᠩ ᠤᠨ | ᠦᠬᠡᠷᠡᠴᠢᠯᠠᠯᠳᠠ᠂ ᠵᠡᠬᠡᠯᠢ ᠭᠤᠳᠤᠮ ᠤᠨ ᠨᠢᠭᠳᠠᠰᠢᠭᠤᠯᠤᠯᠳᠠ᠂ ᠳᠠᠷᠢᠶᠠᠯᠠᠩ ᠤᠨ ᠴᠠᠬᠢᠯᠭᠠᠨ ᠤ ᠦᠬᠡᠷᠡᠴᠢᠯᠠᠯᠳᠠ᠂ | ᠬᠦᠳᠡᠭᠡ ᠨᠣᠳᠤᠭ ᠲᠤ ᠰᠢᠳᠠᠮᠠᠬᠠᠢ ᠬᠡᠢ ᠨᠡᠪᠳᠡᠷᠡᠭᠦᠯᠬᠦ ᠢᠨ᠋ᠧᠨᠧᠷᠢᠩ ᠵᠡᠷᠬᠡ ᠡᠯ᠎ᠡ ᠠᠵᠢᠯ ᠢ ᠬᠡᠷᠡᠭᠵᠢᠬᠦᠯᠬᠦ ᠶᠢᠨ ᠬᠠᠮᠳᠤ | ᠷᠠᠳᠢᠤ᠋ ᠲᠧᠯᠸᠢᠰ ᠳᠤᠬᠢᠶᠠᠨ ᠪᠦᠷᠬᠦᠴᠠ᠂ ᠡᠷᠡᠬᠦᠯ ᠬᠠᠮᠠᠭᠠᠯᠠᠯ ᠤᠨ ᠳᠠᠰᠤᠭ᠂ ᠰᠤᠶᠤᠯ ᠤᠨ ᠦᠷᠤᠬᠡ᠂ ᠠᠷᠠᠤᠨ ᠲᠤ | ᠲᠦᠬᠦᠮ ᠦᠵᠡᠬᠦᠯᠬᠦ ᠴᠢᠯᠤᠬᠡᠳᠤ ᠳᠡᠯᠬᠡᠬᠦᠷ᠂ ᠤᠷᠴᠢᠨ ᠳᠤᠭᠤᠷᠢᠨ ᠤ ᠴᠡᠭᠴᠡᠯᠡᠯᠳᠠ ᠵᠡᠷᠬᠡ ᠡᠬᠦᠷᠬᠡ ᠶᠢ ᠬᠠᠮᠳᠤ | ᠠᠬᠢᠭᠤᠯᠤᠨ᠂ ᠰᠢᠳᠠᠮᠠᠬᠠᠢ ᠬᠡᠢ ᠪᠤᠯᠤᠨ ᠦᠷᠬᠡᠨ ᠪᠦᠰᠡᠳᠤ ᠰᠦᠯᠵᠢᠶᠡᠨ ᠤ ᠬᠡᠷᠡᠭᠯᠡᠭᠡ ᠶᠢ ᠡᠬᠢᠯᠡᠬᠦᠯᠤᠨ᠂ ᠮᠠᠯ | ᠳᠠᠷᠢᠶᠠᠯᠩ ᠤᠨ ᠤᠶᠢᠯᠡᠰ ᠬᠦᠴᠤᠷᠬᠡᠭ᠂ ᠮᠠᠯᠴᠢᠨ ᠳᠠᠷᠢᠶᠠᠴᠢᠨ ᠪᠠᠶᠠᠨ᠂ ᠮᠠᠯᠵᠢᠬᠤ ᠳᠠᠷᠢᠶᠠᠯᠠᠬᠤ ᠤᠷᠤᠨ ᠰᠠᠶᠢᠬᠠᠨ | ᠪᠠᠶᠢᠳᠠᠯ ᠢ ᠪᠤᠢ ᠪᠤᠯᠭᠠᠨ᠎ᠠ᠃ | ︵ᠭᠤᠷᠪᠠ︶ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠵᠤ᠂ ᠪᠠᠳᠤᠯᠠᠭ᠎ᠠ ᠶᠢᠨ ᠴᠢᠳᠠᠪᠬᠢ ᠶᠢ | ᠳᠡᠬᠡᠭᠰᠢᠯᠡᠬᠦᠯᠤᠨ᠎ᠠ᠃ ᠰᠠᠭᠤᠷᠢ ᠲᠦᠬᠦᠬᠡᠷᠤᠮᠵᠢ ᠶᠢ ᠳᠠᠰᠤᠷᠠᠯᠳᠠ ᠦᠬᠡᠢ ᠰᠠᠶᠢᠵᠢᠷᠠᠭᠤᠯᠵᠤ᠂ ᠠᠵᠤ ᠠᠬᠤᠢ ᠶᠢᠨ | ᠪᠠᠶᠢᠭᠤᠯᠤᠯᠳᠠ ᠪᠠ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠨᠢᠬᠡᠳᠤᠯᠳᠠᠢ ᠲᠦᠯᠤᠪᠯᠡᠭᠰᠡᠨ ᠵᠤᠬᠢᠴᠠᠯᠳᠤ | ᠬᠦᠭᠵᠢᠯᠳᠠ ᠶᠢ ᠪᠡᠶᠡᠯᠡᠬᠦᠯᠤᠨ᠎ᠠ᠃ ᠠᠮᠢ ᠠᠬᠤᠢ ᠶᠢᠨ ᠪᠠᠶᠢᠭᠤᠯᠤᠯᠳᠠ ᠶᠢᠨ ᠳᠠᠯ᠎ᠠ ᠪᠠᠷ᠂ ᠪᠡᠬᠡᠵᠢᠩ ᠲᠢᠶᠠᠨᠵᠢᠨ ᠤ | ᠰᠠᠯᠬᠢ ᠰᠢᠷᠤᠢ ᠶᠢᠨ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠠᠵᠢᠯ ᠪᠠ ᠬᠦᠷᠤᠰᠤ ᠰᠢᠷᠤᠢ ᠶᠢᠨ ᠢᠳᠡᠭᠳᠡᠯ | ᠢ ᠰᠡᠷᠬᠡᠶᠢᠯᠡᠬᠦ ᠵᠡᠷᠬᠡ ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ ᠬᠡᠷᠡᠭᠵᠢᠬᠦᠯᠤᠨ᠂ 8 ᠲᠦᠮᠡᠨ ᠮᠤ᠋ | ᠤᠶᠢᠵᠢᠭᠤᠯᠵᠤ᠂ ᠬᠦᠷᠤᠰᠤ ᠰᠢᠷᠤᠢ ᠶᠢᠨ ᠢᠳᠡᠭᠳᠡᠯ ᠢ 5.25 ᠲᠦᠮᠡᠨ ᠮᠤ᠋ ᠪᠡᠶᠡᠯᠡᠬᠦᠯᠤᠨ᠎ᠠ᠃ ᠤᠰᠤᠨ ᠡᠬᠢ | ᠰᠤᠷᠪᠤᠯᠵᠢ ᠶᠢᠨ ᠡᠷᠬᠡ ᠶᠢ ᠳᠤᠳᠤᠷᠬᠠᠶᠢᠯᠠᠬᠤ ᠠᠵᠢᠯ ᠢ ᠦᠷᠨᠢᠬᠦᠯᠵᠤ᠂ ᠶᠡᠷᠤᠩᠬᠡᠢ ᠬᠡᠮᠵᠢᠶ᠎ᠡ ᠶᠢ ᠬᠢᠵᠠᠭᠠᠷᠯᠠᠨ | ᠳᠤᠭᠳᠠᠮᠠᠯ ᠬᠡᠮᠵᠢᠶ᠎ᠡ ᠲᠠᠢ ᠪᠠᠷ ᠬᠠᠮᠢᠶᠠᠷᠬᠤ ᠪᠠ ᠤᠰᠤᠨ ᠨᠦᠬᠦᠴᠡᠯ ᠢᠶᠠᠷ ᠨᠡᠬᠡᠬᠡᠯᠳᠠ ᠬᠢᠬᠦ ᠶᠢ ᠬᠡᠷᠡᠭᠵᠢᠬᠦᠯᠤᠨ᠎ᠠ᠃ | ᠵᠠᠮ ᠨᠡᠪᠳᠡᠷᠡᠬᠦᠯᠬᠡ ᠶᠢᠨ ᠳᠠᠯ᠎ᠠ ᠪᠠᠷ᠂ ᠤᠯᠵᠠᠴᠢ ᠠᠴᠠ ᠳ᠋ᠦᠩ ᠳ᠋ᠤᠤ ᠯᠢᠶᠠᠩ ᠬᠦᠷᠬᠦ ᠲᠦᠷᠬᠡᠨ ᠵᠠᠮ ᠢ ᠡᠬᠢᠯᠡᠬᠦᠯᠤᠨ | ᠂ ᠤᠯᠵᠠᠴᠢ ᠪᠠᠯᠭᠠᠰᠤᠨ ᠠᠴᠠ ᠳᠤᠯᠢ ᠬᠦᠷᠬᠦ ᠱᠤᠭᠤᠮ᠂ S216 ᠱᠤᠭᠤᠮ ᠤᠨ ᠤᠯᠵᠠᠴᠢ ᠠᠴᠠ ᠱᠠᠨᠰᠢ ᠶᠢᠨ | ᠨᠢᠩ ᠲᠢᠶᠤᠤ ᠯᠢᠶᠠᠩ ᠬᠦᠷᠬᠦ ᠬᠤᠶᠠᠳᠦᠭᠠᠷ ᠳᠡᠰ ᠤᠨ ᠵᠠᠰᠠᠮᠠᠯ ᠵᠠᠮ ᠤᠨ ᠦᠬᠡᠷᠡᠴᠢᠯᠠᠯᠳᠠ ᠶᠢᠨ ᠠᠵᠢᠯ ᠤᠨ ᠡᠮᠤᠨ᠎ᠠ | ᠬᠤᠭᠤᠴᠠᠭᠠᠨ ᠤ ᠠᠵᠢᠯ ᠢ ᠡᠬᠢᠯᠡᠬᠦᠯᠤᠨ᠎ᠠ︔ ᠳᠤᠯᠢ ᠠᠴᠠ ᠱᠠᠩᠬᠠᠢ ᠶᠢᠨ ᠰᠦᠮ᠎ᠠ ᠬᠦᠷᠬᠦ ᠳᠡᠮᠤᠷ ᠵᠠᠮ ᠤᠨ ᠳᠤᠯᠢ | ᠠᠴᠠ ᠤᠯᠵᠠᠴᠢ ᠬᠦᠷᠬᠦ ᠬᠡᠰᠡᠭ ᠢ ᠳᠡᠷᠬᠡ ᠨᠡᠪᠳᠡᠷᠡᠬᠦᠯᠤᠨ᠂ ᠤᠯᠵᠠᠴᠢ ᠠᠴᠠ ᠱᠠᠩᠬᠠᠢ ᠶᠢᠨ ᠰᠦᠮ᠎ᠠ ᠬᠦᠷᠬᠦ ᠳᠡᠮᠤᠷ | ᠵᠠᠮ ᠪᠠ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠪᠠᠶᠢᠭᠤᠯᠤᠯᠳᠠ ᠶᠢ ᠡᠬᠢᠯᠡᠬᠦᠯᠤᠨ᠎ᠠ᠃ ᠬᠦᠳᠡᠭᠡ ᠶᠢᠨ | ᠵᠠᠰᠠᠮᠠᠯ ᠵᠠᠮ ᠢ 560 ᠺᠢᠯᠤᠮᠧᠲᠷ ᠨᠡᠮᠡᠨ ᠵᠠᠰᠠᠨ᠎ᠠ᠃ ᠴᠠᠬᠢᠯᠭᠠᠨ ᠬᠦᠴᠤᠨ ᠤ ᠳᠠᠯ᠎ᠠ ᠪᠠᠷ᠂ 35 ᠺᠢᠯᠤᠸᠤᠯᠲ ᠤᠨ | ᠴᠠᠬᠢᠯᠭᠠᠨ ᠬᠤᠪᠢᠰᠬᠠᠬᠤ ᠦᠷᠳᠡᠭᠡ 1 ᠪᠠᠶᠢᠭᠤᠯᠵᠤ᠂ 110 ᠺᠢᠯᠤᠸᠤᠯᠲ ᠶᠢᠨ ᠴᠠᠬᠢᠯᠭᠠᠨ ᠬᠤᠪᠢᠰᠬᠠᠬᠤ ᠦᠷᠳᠡᠭᠡ | ᠶᠢ 3 ᠪᠠᠶᠢᠭᠤᠯᠤᠨ᠂ 682 ᠺᠢᠯᠤᠮᠧᠲᠷ ᠤᠨ ᠴᠠᠬᠢᠯᠭᠠᠨ ᠬᠦᠷᠬᠡᠬᠦ ᠱᠤᠭᠤᠮ ᠪᠤᠰᠬᠠᠵᠤ᠂ ᠮᠠᠯ ᠳᠠᠷᠢᠶᠠᠯᠠᠩ ᠤᠨ | ᠤᠶᠢᠯᠡᠤᠨᠪᠤᠷᠢᠯᠡᠯ ᠪᠠ ᠮᠠᠯᠴᠢᠨ ᠳᠠᠷᠢᠶᠠᠴᠢᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ ᠬᠤᠳᠠ ᠪᠠᠯᠭᠠᠰᠤᠨ ᠤ | ᠪᠠᠶᠢᠭᠤᠯᠤᠯᠳᠠ ᠶᠢᠨ ᠳᠠᠯ᠎ᠠ ᠪᠠᠷ᠂ ᠬᠤᠳᠠ ᠬᠦᠳᠡᠭᠡ ᠶᠢᠨ ᠴᠤᠭᠴᠠᠵᠢᠭᠰᠡᠨ ᠬᠦᠭᠵᠢᠯᠳᠠ ᠶᠢ ᠠᠬᠢᠭᠤᠯᠵᠤ᠂ ᠬᠤᠳᠠ | ᠶᠢᠨ ᠬᠤᠭᠤᠷᠤᠨᠳᠤᠬᠢ ᠵᠠᠮ ᠨᠡᠪᠳᠡᠷᠡᠯᠬᠡ᠂ ᠠᠮᠢ ᠠᠬᠤᠢ ᠤᠷᠴᠢᠨ ᠳᠤᠭᠤᠷᠢᠨ᠂ ᠤᠰᠤ ᠬᠠᠩᠭᠠᠯᠭ᠎ᠠ ᠵᠡᠷᠬᠡ ᠰᠠᠭᠤᠷᠢ | ᠲᠦᠬᠦᠬᠡᠷᠤᠮᠵᠢ ᠶᠢᠨ ᠪᠠᠶᠢᠭᠤᠯᠤᠯᠳᠠ ᠶᠢ ᠲᠦᠷᠬᠡᠤᠨᠬᠡᠨ᠂ ᠬᠤᠳᠠ ᠬᠦᠳᠡᠭᠡ ᠶᠢᠨ ᠲᠦᠷᠰᠤ ᠪᠠᠶᠢᠳᠠᠯ ᠢ | ᠦᠬᠡᠷᠡᠴᠢᠯᠡᠵᠤ᠂ ᠬᠤᠳᠠ ᠪᠠᠯᠭᠠᠰᠤᠨ ᠤ ᠬᠠᠮᠢᠶᠠᠷᠤᠯᠳᠠ ᠶᠢᠨ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠤᠨ᠂ | ᠦᠷᠬᠦᠯᠵᠢᠬᠦᠶᠢᠴᠠ ᠡᠷᠡᠬᠦᠯ ᠬᠦᠭᠵᠢᠯᠳᠠ ᠶᠢ ᠨᠢ ᠪᠠᠳᠤᠯᠠᠨ᠎ᠠ᠃ ᠤᠯᠵᠠᠴᠢ ᠪᠠᠯᠭᠠᠰᠤᠨ ᠤ ᠳᠡᠬᠦᠷᠬᠡ ᠶᠢᠨ ᠰᠠᠭᠤᠭᠠᠯᠢ | ᠳᠤᠭᠤᠷᠢᠭ ᠤᠨ ᠪᠤᠬᠢᠷ ᠤᠰᠤ ᠪᠠ ᠪᠠᠯᠭᠠᠰᠤᠨ ᠳᠤᠭᠤᠷᠢᠭ ᠤᠨ ᠬᠤᠭ ᠨᠤᠪᠰᠢ ᠶᠢ ᠪᠤᠬᠢᠷᠳᠤᠯ ᠦᠬᠡᠢ ᠰᠢᠢᠤᠨᠪᠤᠷᠢᠯᠡᠬᠦ | ᠲᠦᠬᠦᠬᠡᠷᠤᠮᠵᠢ ᠶᠢ ᠳᠡᠬᠦᠯᠳᠡᠷᠵᠢᠬᠦᠯᠤᠨ᠂ ᠨᠢᠬᠡᠨ ᠪᠦᠯᠦᠭ ᠠᠵᠤ ᠠᠬᠤᠶᠢᠯᠡᠯ ᠤᠨ ᠠᠮᠢᠳᠤᠷᠠᠯ ᠤᠨ ᠰᠠᠭᠤᠷᠢᠨ | ᠴᠤᠭᠴᠠᠯᠠᠵᠤ᠂ ᠬᠤᠳᠠ ᠪᠠᠯᠭᠠᠰᠤᠨ ᠤ ᠤᠶᠢᠯᠡᠴᠢᠯᠡᠬᠦ ᠴᠢᠳᠠᠪᠬᠢ ᠶᠢ ᠳᠡᠬᠡᠭᠰᠢᠯᠡᠬᠦᠯᠤᠨ᠎ᠠ᠃ ᠬᠦᠷᠢᠶᠡᠯᠡᠩ ᠳᠤᠭᠤᠷᠢᠭ | ᠤᠨ ᠪᠠᠶᠢᠭᠤᠯᠤᠯᠳᠠ ᠶᠢᠨ ᠳᠠᠯ᠎ᠠ ᠪᠠᠷ᠂ ᠬᠦᠷᠢᠶᠡᠯᠡᠩ ᠳᠤᠭᠤᠷᠢᠭ ᠤᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ | ᠶᠢ ᠰᠠᠶᠢᠵᠢᠷᠠᠭᠤᠯᠤᠨ᠂ ᠵᠠᠰᠠᠮᠠᠯ ᠵᠠᠮ ᠤᠨ ᠱᠤᠭᠤᠮ ᠢ ᠨᠡᠪᠳᠡᠷᠡᠬᠦᠯᠵᠤ᠂ ᠲᠦᠷᠤᠯ ᠵᠦᠢᠯ ᠤᠨ ᠪᠠᠶᠢᠭᠤᠯᠤᠯᠳᠠ ᠳᠤ | ᠨᠦᠬᠦᠴᠡᠯ ᠪᠦᠷᠢᠯᠳᠤᠬᠦᠯᠤᠨ᠎ᠠ᠃ ᠤᠯᠵᠠᠴᠢ ᠪᠠᠯᠭᠠᠰᠤᠨ ᠤ ᠶᠡᠷᠤᠩᠬᠡᠶᠢᠯᠡᠭᠰᠡᠨ ᠠᠵᠤ ᠤᠶᠢᠯᠡᠰ ᠤᠨ ᠬᠦᠷᠢᠶᠠᠯᠠᠩ ᠤᠨ | ᠤᠰᠤ ᠴᠡᠪᠡᠷᠰᠢᠬᠦᠯᠤᠨ ᠠᠰᠢᠭᠯᠠᠬᠤ ᠪᠠᠷᠢᠯᠭ᠎ᠠ ᠶᠢ ᠠᠬᠢᠭᠤᠯᠤᠨ᠂ ᠬᠦᠷᠢᠶᠠᠯᠠᠩ ᠳᠤᠭᠤᠷᠢᠭ ᠤᠨ ᠠᠴᠢᠶᠠᠯᠠᠬᠤ | ᠴᠢᠳᠠᠪᠤᠷᠢ ᠶᠢ ᠴᠢᠩᠭᠠᠤᠨᠬᠠᠨ᠎ᠠ᠃ | ︵ᠲᠦᠷᠪᠠ︶ ᠠᠷᠠᠤᠨ ᠤᠨ ᠠᠮᠢᠳᠤᠷᠠᠯ ᠤᠨ ᠬᠠᠷᠠᠭᠠᠯᠵᠠᠯ ᠢ ᠳᠡᠩᠴᠡᠬᠦᠷᠢᠰᠢᠬᠦᠯᠵᠤ᠂ ᠠᠷᠠᠤᠨ ᠤᠯᠠᠨ ᠤ ᠠᠰᠢᠭ | ᠵᠢᠷᠭᠠᠯ ᠢ ᠨᠡᠮᠡᠭᠳᠡᠬᠦᠯᠤᠨ᠎ᠠ᠃ ᠪᠦᠬᠦ ᠬᠦᠴᠤᠨ ᠢᠶᠠᠷ ᠠᠷᠠᠤᠨ ᠤᠨ ᠠᠮᠢᠳᠤᠷᠠᠯ ᠢ ᠪᠠᠳᠤᠯᠠᠵᠤ᠂ ᠠᠷᠠᠤᠨ ᠢ | ᠬᠠᠷᠠᠭᠠᠯᠵᠠᠬᠤ ᠡᠯ᠎ᠡ ᠲᠦᠷᠤᠯ ᠤᠨ ᠠᠷᠭ᠎ᠠ ᠠᠪᠴᠠᠯ ᠢ ᠰᠠᠶᠢᠳᠤᠷ ᠨᠠᠶᠢᠳᠠᠪᠤᠷᠢᠵᠢᠭᠤᠯᠤᠨ᠂ ᠠᠷᠠᠤᠨ ᠤᠯᠠᠨ ᠤ | ᠠᠮᠢᠳᠤᠷᠠᠯ ᠤᠨ ᠲᠦᠪᠰᠢᠨ ᠪᠤᠯᠤᠨ ᠤᠯᠠᠨ ᠨᠠᠶᠢᠳᠠ ᠶᠢᠨ ᠤᠶᠢᠯᠡᠴᠢᠯᠡᠬᠡᠨ ᠤ ᠴᠢᠨᠠᠷᠵᠢᠯ ᠢ ᠪᠦᠬᠦ ᠳᠠᠯ᠎ᠠ ᠪᠠᠷ | ᠳᠡᠬᠡᠭᠰᠢᠯᠡᠬᠦᠯᠤᠨ᠎ᠠ᠃ ᠶᠠᠳᠠᠭᠤ ᠶᠢ ᠳᠡᠤᠨᠬᠦᠬᠦ ᠳᠠᠯ᠎ᠠ ᠪᠠᠷ᠂ ︽ᠳᠠᠪᠤᠨ ᠨᠢᠬᠡ ᠴᠤᠬᠤᠯᠠᠪᠤᠷᠢᠯᠠᠯ︾ ᠪᠠ ︽ᠵᠢᠷᠭᠤᠭᠠᠨ | ᠨᠠᠷᠢᠯᠢᠭ︾ ᠤᠨ ᠶᠤᠰᠤ ᠪᠠᠷ ᠰᠢᠯᠵᠢᠬᠦᠯᠤᠨ ᠳᠡᠤᠨᠬᠦᠬᠦ᠂ ᠠᠵᠤ ᠤᠶᠢᠯᠡᠰ ᠢᠶᠠᠷ ᠳᠡᠤᠨᠬᠦᠬᠦ᠂ ᠮᠦᠩᠬᠦᠨ ᠬᠦᠢᠯᠬᠡᠬᠡ | ᠪᠠᠷ ᠳᠡᠤᠨᠬᠦᠬᠦ᠂ ᠰᠤᠷᠭᠠᠨ ᠬᠦᠮᠤᠵᠢᠯ ᠢᠶᠠᠷ ᠳᠡᠤᠨᠬᠦᠬᠦ᠂ ᠡᠮ ᠡᠮᠴᠢᠯᠡᠭᠡ ᠪᠠᠷ ᠳᠡᠤᠨᠬᠦᠬᠦ᠂ ᠪᠦᠬᠦ ᠬᠦᠴᠤᠨ ᠢᠶᠠᠷ | ᠳᠡᠤᠨᠬᠦᠬᠦ ᠵᠡᠷᠬᠡ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠤᠨᠬᠦᠬᠦ ᠠᠵᠢᠯ ᠢ ᠢᠳᠡᠪᠬᠢᠳᠠᠢ ᠦᠷᠨᠢᠬᠦᠯᠤᠨ᠂ ᠳᠤᠰ | ᠵᠢᠯ 1122 ᠬᠦᠮᠤᠨ ᠢ ᠶᠠᠳᠠᠭᠤ ᠠᠴᠠ ᠠᠩᠬᠢᠵᠢᠷᠠᠭᠤᠯᠤᠨ᠎ᠠ᠃ ᠤᠶᠢᠯᠡᠰ ᠪᠦᠳᠤᠬᠡᠯᠳᠠ ᠠᠵᠢᠯ ᠤᠯᠭᠤᠯᠳᠠ ᠶᠢᠨ | ᠳᠠᠯ᠎ᠠ ᠪᠠᠷ᠂ ᠳᠤᠭᠳᠠᠮᠠᠯ ᠴᠢᠭᠯᠡᠯ ᠢᠶᠠᠷ ᠪᠤᠯᠪᠠᠰᠤᠷᠠᠭᠤᠯᠬᠤ᠂ ᠪᠠᠭ᠎ᠠ ᠳᠤᠭᠠᠳᠤ ᠳᠠᠭᠠᠭᠠᠯᠳᠠᠳᠤ ᠵᠢᠬᠡᠯᠡᠯᠬᠡ ᠤᠯᠭᠤᠬᠤ | ᠪᠠ ᠤᠨᠴᠠᠭᠠᠢ ᠬᠦᠴᠢᠷᠳᠠᠯ ᠲᠠᠢ ᠬᠦᠮᠤᠰ ᠤᠨ ᠠᠵᠢᠯ ᠤᠯᠤᠯᠳᠠ ᠵᠡᠷᠬᠡ ᠠᠷᠭ᠎ᠠ ᠠᠪᠴᠠᠯ ᠢ ᠰᠠᠶᠢᠳᠤᠷ | ᠨᠠᠶᠢᠳᠠᠪᠤᠷᠢᠵᠢᠭᠤᠯᠤᠨ᠎ᠠ᠃ ᠤᠶᠢᠯᠡᠰ ᠪᠦᠳᠤᠬᠡᠯᠳᠠ ᠶᠢ ᠨᠢ ᠳᠠᠮᠵᠢᠨ 500 ᠬᠦᠮᠤᠨ ᠢ ᠠᠵᠢᠯ ᠤᠯᠭᠤᠵᠤ᠂ ᠬᠤᠳᠠ | ᠪᠠᠯᠭᠠᠰᠤᠨ ᠳᠤ 1100 ᠬᠦᠮᠤᠨ ᠳᠤ ᠰᠢᠨ᠎ᠠ ᠪᠠᠷ ᠠᠵᠢᠯ ᠤᠯᠭᠤᠨ᠂ ᠬᠤᠳᠠ ᠪᠠᠯᠭᠠᠰᠤᠨ ᠤ ᠳᠠᠩᠰᠠᠯᠠᠯᠳᠠ ᠲᠠᠢ | ᠠᠵᠢᠯ ᠠᠯᠳᠠᠭᠰᠡᠨ ᠨᠤᠷᠮ᠎ᠠ ᠶᠢ 3.5% ᠳᠤᠳᠤᠷ᠎ᠠ ᠬᠢᠵᠠᠭᠠᠷᠯᠠᠨ᠎ᠠ᠃ ᠨᠠᠶᠢᠬᠡᠮ ᠤᠨ ᠪᠠᠳᠤᠯᠠᠭ᠎ᠠ ᠶᠢᠨ ᠳᠠᠯ᠎ᠠ ᠪᠠᠷ᠂ | ᠬᠦᠨᠳᠤ ᠡᠪᠡᠤᠨᠴᠢᠨ ᠤ ᠠᠪᠤᠷᠠᠨ ᠳᠤᠰᠠᠯᠠᠯᠳᠠ ᠶᠢᠨ ᠨᠦᠬᠦᠪᠤᠷᠢ ᠶᠢᠨ ᠰᠠᠭᠤᠷᠢ ᠮᠦᠩᠬᠦ ᠪᠠᠶᠢᠭᠤᠯᠵᠤ᠂ ᠨᠠᠶᠢᠬᠡᠮ ᠤᠨ | ᠪᠠᠳᠤᠯᠠᠭ᠎ᠠ ᠶᠢᠨ ᠨᠦᠬᠦᠪᠤᠷᠢ ᠶᠢᠨ ᠪᠠᠷᠢᠮᠵᠢᠶ᠎ᠠ ᠶᠢ ᠳᠡᠬᠡᠭᠰᠢᠯᠡᠬᠦᠯᠤᠨ᠂ ᠨᠠᠶᠢᠳᠠ ᠶᠢᠨ ᠲᠦᠷᠢᠶᠡᠰᠤᠨ ᠬᠡᠷ ᠢ 1741 | ᠲᠦᠬᠦᠷ᠂ ᠰᠢᠯᠵᠢᠭᠰᠡᠨ ᠮᠠᠯᠴᠢᠠ ᠳᠠᠷᠢᠶᠠᠴᠢᠤᠨ ᠤᠨ ᠰᠠᠭᠤᠴᠠ 1375 ᠲᠦᠬᠦᠷ ᠪᠠᠶᠢᠭᠤᠯᠵᠤ᠂ ᠤᠶᠤᠨ ᠤ | ᠰᠠᠭᠠᠤᠨ ᠲᠠᠢ ᠪᠤᠶᠤ ᠤᠨᠴᠠ ᠬᠦᠴᠢᠷᠳᠡᠯ ᠲᠠᠢ ᠡᠳᠡᠬᠡᠤᠨ ᠢ ᠪᠠᠳᠤᠯᠠᠭ᠎ᠠ ᠶᠢᠨ ᠬᠡᠪᠴᠢᠶᠡᠨ ᠳᠤ ᠪᠠᠭᠳᠠᠭᠠᠨ᠎ᠠ᠃ | ᠰᠤᠷᠭᠠᠨ ᠬᠦᠮᠤᠵᠢᠯ ᠤᠨ ᠳᠠᠯ᠎ᠠ ᠪᠠᠷ᠂ ᠰᠤᠷᠭᠠᠨ ᠬᠦᠮᠤᠵᠢᠯ ᠤᠨ ᠡᠬᠢ ᠰᠤᠷᠪᠤᠯᠵᠢ ᠶᠢᠨ ᠳᠤᠬᠢᠷᠠᠭᠤᠯᠤᠯᠳᠠ ᠶᠢ | ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠴᠡᠴᠡᠷᠯᠢᠭ ᠪᠤᠯᠤᠨ ᠠᠩᠬᠠᠨ ᠤ ᠬᠦᠮᠤᠵᠢᠯ ᠤᠨ ᠲᠦᠪ ᠤᠨ | ᠪᠠᠶᠢᠭᠤᠯᠤᠯᠳᠠ ᠶᠢ ᠲᠦᠷᠬᠡᠤᠨᠬᠡᠵᠤ᠂ ᠬᠡᠤᠬᠡᠤᠨ ᠪᠠᠭᠠᠴᠤᠤᠨ ᠤᠨ ᠤᠶᠢᠷ᠎ᠠ ᠤᠷᠴᠢᠮ ᠤᠨ ᠰᠤᠷᠭᠠᠭᠤᠯᠢ ᠳᠤ ᠤᠷᠤᠬᠤ | ᠨᠦᠬᠦᠴᠡᠯ ᠢ ᠰᠠᠶᠢᠵᠢᠷᠠᠭᠤᠯᠤᠨ᠎ᠠ᠃ ᠡᠮ ᠡᠮᠴᠢᠯᠡᠭᠡ ᠡᠷᠡᠬᠦᠯ ᠬᠠᠮᠠᠭᠠᠯᠠᠯ ᠤᠨ ᠳᠠᠯ᠎ᠠ ᠪᠠᠷ᠂ ᠱᠠᠩᠬᠠᠢ ᠶᠢᠨ ᠰᠦᠮ᠎ᠠ | ᠶᠢᠨ ᠲᠦᠪ ᠡᠮᠨᠡᠯᠬᠡ ᠶᠢᠨ ᠬᠤᠷᠢᠶ᠎ᠠ᠂ ᠪᠤᠷᠤᠪᠠᠯᠭᠠᠰᠤ ᠶᠢᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ ᠶᠢᠨ | ᠪᠠᠶᠢᠭᠤᠯᠤᠯᠳᠠ ᠶᠢ ᠲᠦᠷᠬᠡᠤᠨᠬᠡᠵᠤ᠂ ᠰᠢᠨ᠎ᠠ ᠪᠠᠷ ᠬᠤᠰᠢᠭᠤᠨ ᠤ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ | ᠶᠢᠨ ᠬᠤᠷᠢᠶ᠎ᠠ ᠪᠠ ᠪᠤᠯᠠᠭ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ | ᠲᠦᠬᠦᠬᠡᠷᠤᠮᠵᠢ ᠶᠢ ᠳᠡᠬᠦᠯᠳᠡᠷᠵᠢᠬᠦᠯᠵᠤ᠂ ᠤᠶᠢᠯᠡᠴᠢᠯᠡᠬᠡᠨ ᠤ ᠲᠦᠪᠰᠢᠨ ᠢ ᠳᠡᠬᠡᠭᠰᠢᠯᠡᠬᠦᠯᠤᠨ᠎ᠠ᠃ ᠰᠤᠶᠤᠯ ᠤᠨ | ᠳᠠᠯ᠎ᠠ ᠪᠠᠷ᠂ ᠨᠠᠶᠢᠳᠠ ᠶᠢᠨ ᠰᠤᠶᠤᠯ ᠤᠨ ᠤᠶᠢᠯᠡᠴᠢᠯᠡᠬᠡᠨ ᠤ ᠰᠢᠰᠲ᠋ᠧᠮ ᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ | ᠂ ᠠᠷᠠᠤᠨ ᠤᠨ ᠰᠤᠶᠤᠯ ᠢ ᠬᠦᠭᠵᠢᠬᠦᠯᠬᠦ᠂ ᠰᠤᠶᠤᠯ ᠤᠷᠠᠯᠢᠭ ᠤᠨ ᠨᠠᠷᠢᠯᠢᠭ ᠪᠦᠳᠤᠬᠡᠭᠳᠡᠬᠦᠨ ᠢ ᠪᠤᠢ ᠪᠤᠯᠭᠠᠬᠤ ᠪᠠᠷ | ᠭᠤᠤᠯᠳᠠᠯᠭ᠎ᠠ ᠪᠤᠯᠭᠠᠵᠤ᠂ ᠰᠤᠶᠤᠯ ᠤᠨ ᠤᠶᠢᠯᠡᠰ ᠤᠨ ᠬᠦᠭᠵᠢᠯᠳᠠ ᠶᠢ ᠲᠦᠷᠬᠡᠤᠨᠬᠡᠨ᠎ᠠ᠃ ᠢᠳᠡᠬᠡᠨ ᠤ ᠠᠮᠤᠷ | ᠲᠦᠪᠰᠢᠨ ᠤ ᠳᠠᠯ᠎ᠠ ᠪᠠᠷ᠂ ᠤᠯᠵᠠᠴᠢ ᠶᠢᠨ ᠢᠳᠡᠬᠡᠨ ᠤ ᠪᠤᠯᠪᠠᠰᠤᠷᠠᠭᠤᠯᠤᠯᠳᠠ ᠶᠢᠨ ᠬᠦᠷᠢᠶᠡᠯᠡᠩ ᠶᠢ ᠡᠬᠢᠯᠡᠬᠦᠯᠵᠤ᠂ | ᠪᠠᠷᠢᠮᠵᠢᠶᠠᠳᠦ ᠲᠦᠷᠭᠡᠨ ᠪᠠᠶᠢᠴᠠᠭᠠᠯᠳᠠ ᠶᠢᠨ ᠲᠠᠰᠤᠭ ᠪᠠᠶᠢᠭᠤᠯᠵᠣ᠂ ᠢᠳᠡᠬᠡᠨ ᠤ ᠠᠶᠤᠯᠬᠦᠢ ᠶᠢᠨ ᠬᠢᠨᠠᠯᠳᠠ | ᠬᠠᠮᠢᠶᠠᠷᠤᠯᠳᠠ ᠶᠢ ᠴᠢᠩᠭᠠᠤᠨᠬᠠᠨ᠂ ᠪᠠᠷᠢᠮᠵᠢᠶᠠᠳᠤ ᠤᠶᠢᠯᠡᠤᠨᠪᠤᠷᠢᠯᠡᠯ᠂ ᠲᠦᠳᠡ ᠪᠦᠳᠤᠮᠵᠢᠳᠤ ᠰᠢᠯᠭᠠᠨ ᠬᠢᠨᠠᠯᠳᠠ᠂ | ᠠᠶᠤᠯᠬᠦᠢ ᠶᠢᠨ ᠵᠦᠪᠰᠢᠶᠡᠷᠡᠯ ᠢ ᠠᠬᠢᠭᠤᠯᠣᠨ᠎ᠠ᠃ ᠤᠷᠴᠢᠨ ᠬᠠᠮᠠᠭᠠᠯᠠᠯᠳᠠ ᠶᠢᠨ ᠳᠠᠯ᠎ᠠ ᠪᠠᠷ᠂ ᠤᠯᠤᠰ ᠤᠨ ᠠᠮᠢ | ᠠᠬᠤᠶᠢᠴᠢ ᠠᠵᠤ ᠤᠶᠢᠯᠡᠤᠨᠪᠤᠷᠢ ᠶᠢᠨ ᠳᠠᠭᠤᠷᠢᠶᠠᠯ ᠬᠦᠷᠢᠶᠡᠯᠡᠩ ᠳᠤᠭᠤᠷᠢᠭ ᠤᠨ ᠴᠤᠭᠴᠠᠯᠠᠯᠳᠠ ᠶᠢᠨ ᠠᠵᠢᠯ ᠢ | ᠪᠠᠳᠤ ᠠᠬᠢᠭᠤᠯᠵᠤ᠂ ᠪᠤᠬᠢᠷᠳᠤᠯ ᠵᠠᠰᠠᠯᠳᠠ ᠶᠢ ᠴᠢᠩᠭᠠᠤᠨᠬᠠᠨ᠂ ᠤᠬᠢ ᠰᠠᠶᠢᠨ ᠬᠦᠭᠵᠢᠯᠳᠠ ᠶᠢᠨ ᠤᠷᠴᠢᠨ ᠢ | ᠪᠠᠳᠤᠯᠠᠨ᠎ᠠ᠃ ᠠᠶᠤᠯᠬᠦᠢ ᠤᠶᠢᠯᠡᠤᠨᠪᠤᠷᠢᠯᠡᠯ᠂ ᠨᠠᠶᠢᠬᠡᠮ ᠤᠨ ᠵᠠᠰᠠᠯᠳᠠ᠂ ᠵᠠᠬᠢᠳᠠᠯ ᠰᠤᠷᠪᠤᠯᠵᠢᠯᠠᠭ᠎ᠠ᠂ ᠳᠤᠭᠳᠠᠭᠤᠨ ᠢ | ᠬᠠᠮᠠᠭᠠᠯᠠᠬᠤ ᠵᠡᠷᠬᠡ ᠡᠯ᠎ᠡ ᠠᠵᠢᠯ ᠢ ᠰᠠᠶᠢᠳᠤᠷ ᠬᠢᠨ᠎ᠠ᠃ | ᠲᠦᠯᠤᠬᠡᠯᠡᠭᠴᠢᠤᠨ ᠡ᠂ 2016 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠠᠵᠢᠯ ᠢ ᠰᠠᠶᠢᠳᠤᠷ | ᠬᠢᠬᠦ ᠳᠤ ᠡᠬᠦᠷᠬᠡ ᠬᠦᠨᠳᠤ ᠵᠠᠮ ᠬᠤᠯᠠ᠂ ᠤᠴᠢᠷ ᠤᠤᠠᠬ᠎ᠠ ᠬᠦᠨ ᠪᠤᠢ᠃ ᠪᠢᠳᠠ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ ᠰᠢᠢᠤᠨᠮᠡᠭ ᠵᠤᠷᠢᠭ ᠢᠶᠠᠷ ᠳᠤᠬᠢᠶᠠᠯ ᠢ ᠡᠵᠡᠮᠳᠠᠨ᠂ ᠰᠠᠨᠠᠭᠠᠴᠢᠯᠠᠭ᠎ᠠ | ᠲᠠᠢ ᠠᠵᠢᠯᠯᠠᠵᠤ᠂ ᠬᠦᠴᠤᠨ ᠵᠤᠷᠢᠭ ᠢᠶᠠᠨ ᠨᠢᠬᠡᠤᠨᠬᠡᠨ ᠬᠦᠴᠢᠷ ᠢ ᠢᠯᠡᠵᠤ᠂ ︽ᠠᠷᠪᠠᠨ ᠭᠤᠷᠪᠠᠳᠤᠭᠠᠷ ᠳᠠᠪᠤᠨ ᠵᠢᠯ | ︾ ᠤᠨ ᠬᠦᠭᠵᠢᠯᠳᠠ ᠶᠢᠨ ᠰᠢᠨ᠎ᠠ ᠬᠠᠭᠤᠳᠠᠰᠤ ᠶᠢ ᠪᠠᠳᠠᠷᠠᠭᠤᠨ ᠪᠢᠴᠢᠭᠯᠡᠰᠤᠬᠡᠢ︕ |