ᠤᠳᠤᠭ ᠤᠨ ᠡᠮᠥᠨᠡᠳᠤ ᠬᠤᠰᠢᠭᠤᠨ ᠤ 2015 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ | ᠶᠢᠨ ᠪᠠᠶᠢᠳᠠᠯ ᠪᠠ 2016 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | —— 2016 ᠤᠨ ᠤ 1 ᠰᠠᠷ᠎ᠠ ᠶᠢᠨ 31 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ | ᠤ 2015 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2016 ᠤᠨ ᠤ | ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ ᠶᠢᠰᠥᠳᠥᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠬᠤᠷᠠᠯᠳᠣᠭᠠᠨ ᠳᠤ ᠳᠡᠪᠰᠢᠬᠦᠯᠵᠤ ᠬᠢᠨᠠᠨ | ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ | ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2015 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2015 ᠤᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ | ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ ᠳᠠᠮᠵᠢᠯᠬᠡ | ᠳᠤᠤᠷ᠎ᠠ᠂ ᠣᠷᠣᠯᠭ᠎ᠠ ᠶᠢ ᠠᠤᠨᠬᠤᠨ ᠦᠬᠡᠷᠡᠴᠢᠯᠠᠯᠳᠠ ᠶᠢ ᠠᠬᠢᠭᠤᠯᠵᠣ᠂ ᠪᠦᠳᠦᠴᠡ ᠶᠢ ᠲᠣᠬᠢᠷᠠᠭᠤᠯᠣᠨ ᠠᠷᠠᠳ | ᠤᠨ ᠠᠮᠢᠳᠥᠷᠠᠯ ᠢ ᠰᠠᠶᠢᠵᠢᠷᠠᠭᠤᠯᠵᠤ᠂ ᠡᠬᠢ ᠰᠤᠷᠪᠤᠯᠵᠢ ᠶᠢᠨ ᠴᠡᠭᠴᠡᠯᠡᠯᠳᠠ ᠶᠢᠨ ᠬᠦᠴᠤᠯᠡᠴᠠ ᠪᠠᠨ ᠶᠡᠬᠡᠤᠨᠬᠡᠨ᠂ | ᠤᠷᠤᠯᠭ᠎ᠠ ᠶᠢ ᠪᠦᠬᠦ ᠬᠦᠴᠤᠨ ᠢᠶᠠᠷ ᠵᠤᠬᠢᠶᠠᠨ ᠪᠠᠶᠢᠭᠤᠯᠵᠤ᠂ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠤᠨ᠂ | ᠡᠳ᠋ ᠤᠨ ᠵᠠᠰᠠᠭ ᠤᠨ ᠬᠢᠨᠠᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠤᠷᠤᠯᠭ᠎ᠠ ᠶᠢᠨ ᠳᠤᠭᠳᠠᠭᠤᠨ ᠢᠶᠠᠷ | ᠨᠡᠮᠡᠭᠳᠡᠬᠦ ᠶᠢ ᠪᠠᠳᠤᠯᠠᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠪᠠᠨ ᠴᠢᠨᠠᠷᠵᠢᠭᠤᠨ ᠪᠡᠶᠡᠯᠡᠭᠦᠯᠪᠠ | ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2015 ᠤᠨ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ ᠵᠢᠱᠢᠯᠳᠠ ᠪᠠᠷ 32.78 | ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ | 16 ᠳ᠋ᠦᠩᠰᠢᠭᠤᠷ ᠲᠥᠭᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ | ᠤ 2.9 ᠳ᠋ᠥᠩᠰᠢᠭᠤᠷ ᠲᠥᠭᠦᠷᠢᠭ ᠢ ᠪᠠᠭᠳᠠᠭᠠᠨ᠎ᠠ︶᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠵᠥ᠂ | ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ ᠵᠢᠱᠢᠯᠳᠠ ᠪᠠᠷ 10.22 ᠳ᠋ᠦᠩᠰᠢᠭᠤᠷ | ᠲᠥᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 5.38 ᠳ᠋ᠦᠩᠰᠢᠭᠤᠷ ᠲᠦᠭᠦᠷᠢᠭ︔ ᠡᠬᠦᠨᠳᠤ ᠭᠠᠵᠠᠷ | ᠤᠷᠤᠨ ᠤ ᠵᠠᠰᠠᠭ ᠤᠨ ᠤᠷᠳᠤᠨ ᠵᠢᠬᠡᠯᠡᠯᠬᠡ ᠪᠠᠷ ᠠᠯᠪᠠᠨ ᠵᠢᠬᠡᠯᠯᠡᠯᠬᠡ ᠶᠢᠨ ᠳᠡᠮᠳᠡᠭ ᠤᠷᠤᠯᠠᠭᠤᠯᠤᠭᠰᠡᠨ ᠨᠢ 0.5 | ᠳ᠋ᠦᠩᠰᠢᠭᠤᠷ ᠲᠦᠬᠦᠷᠢᠭ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠳᠠᠳᠠᠭᠰᠡᠨ ᠨᠢ 0.68 | ᠳ᠋ᠦᠩᠰᠢᠭᠤᠷ ᠲᠦᠬᠦᠷᠢᠭ᠃ ᠬᠤᠰᠢᠭᠤ ᠲᠤᠰ ᠱᠠᠳᠤᠨ ᠤ ᠡᠯ᠎ᠡ ᠲᠠᠯ᠎ᠠ ᠶᠢᠨ ᠵᠠᠷᠤᠯᠭ᠎ᠠ ᠵᠢᠱᠢᠯᠳᠠ ᠪᠠᠷ 28.38 | ᠳ᠋ᠦᠩᠰᠢᠭᠤᠷ ᠲᠥᠭᠦᠷᠢᠭ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 28.28 | ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ330 ᠲᠥᠮᠡᠨ ᠲᠥᠭᠦᠷᠢᠭ᠂ ᠰᠢᠢᠳᠪᠦᠷᠢᠯᠡᠭᠰᠡᠨ | ᠦᠷᠢ ᠦᠭᠴᠡᠭᠡ670 ᠲᠥᠮᠡᠨ ᠲᠦᠭᠦᠷᠢᠭ︔ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 4.4 | ᠳ᠋ᠦᠩᠰᠢᠭᠤᠷ ᠲᠦᠬᠦᠷᠢᠭ᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ | ᠣᠷᠣᠯᠭ᠎ᠠ ᠳᠠᠬᠢ ᠳᠠᠪᠣᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ 1.71 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠳᠥᠰᠥᠪ ᠤᠨ ᠣᠷᠣᠯᠭ᠎ᠠ ᠶᠢᠨ 10.71% ᠶᠢ ᠡᠵᠡᠯᠡᠵᠣ᠂ ᠠᠳᠠᠯᠢ ᠬᠤᠭᠤᠴᠠᠭᠠᠨ ᠤ ᠬᠢ | ᠠᠴᠠ1.04 ᠳ᠋ᠦᠩᠰᠢᠭᠤᠷ ᠳᠦᠭᠦᠷᠢᠭ ᠪᠠᠭᠤᠷᠡᠵᠣ᠂ 37.82% ᠢᠶᠠᠷ ᠪᠠᠭᠤᠷᠠᠪᠠ᠃ ᠡᠬᠦᠨ ᠳᠤ ᠦᠷᠲᠡᠭ ᠤᠨ | ᠨᠡᠮᠡᠭᠳᠡᠯ ᠭᠠᠶᠢᠯᠢ 0.55 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ4.41% ᠪᠠᠷ | ᠪᠠᠭᠤᠷᠠᠪᠠ︔ ᠡᠵᠡᠩᠨᠡᠯᠲᠡ ᠶᠢᠨ ᠭᠠᠶᠢᠯᠢ 0.5 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ | 67.49% ᠪᠠᠷ ᠪᠠᠭᠤᠷᠠᠪᠠ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 390 ᠲᠥᠮᠡᠨ ᠲᠥᠭᠦᠷᠢᠭ᠂ | ᠠᠳᠠᠯᠢ ᠬᠤᠭᠤᠴᠠᠭᠠᠨ ᠤ ᠬᠢ ᠠᠴᠠ 79.46% ᠪᠠᠷ ᠪᠠᠭᠤᠷᠠᠪᠠ︔ ᠬᠤᠪᠢ ᠬᠦᠮᠦᠨ ᠤ ᠣᠯᠵᠠᠪᠣᠷᠢ ᠶᠢᠨ | ᠭᠠᠶᠢᠯᠢ 780 ᠲᠥᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 19.71 % ᠪᠠᠷ ᠪᠠᠭᠤᠷᠠᠪᠠ︔ ᠡᠬᠢ | ᠪᠠᠶᠠᠯᠢᠭ ᠤᠨ ᠭᠠᠶᠢᠯᠢ 0.55 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 60.28% ᠪᠠᠷ | ᠨᠡᠮᠡᠭᠳᠡᠪᠡ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ | ᠮᠦᠴᠢᠷ 0.53 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 40.77% ᠶᠢ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ0.16 ᠳ᠋ᠦᠩᠰᠢᠭᠤᠷ ᠳᠦᠭᠦᠷᠢᠭ ᠪᠠᠭᠤᠷᠡᠵᠣ᠂ 23.19% | ᠪᠠᠷ ᠪᠠᠭᠤᠷᠠᠪᠠ︔ ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 7.72 ᠳ᠋ᠦᠩᠰᠢᠭᠤᠷ ᠲᠦᠭᠦᠷᠢᠭ | ᠪᠡᠶᠡᠯᠡᠭᠦᠯᠵᠣ᠂ ᠵᠢᠯ ᠤᠨ ᠳᠥᠰᠥᠪ ᠢᠶᠠᠨ 77.2 % ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ2. | 21 ᠳ᠋ᠦᠩᠰᠢᠭᠤᠷ ᠲᠥᠭᠦᠷᠢᠭ ᠪᠠᠭᠤᠷᠠᠵᠤ᠂ 22.26% ᠪᠠᠷ ᠪᠠᠭᠤᠷᠪᠠ︔ ᠡᠳ᠋ ᠤᠨ ᠵᠠᠰᠠᠭ ᠤᠨ ᠰᠠᠯᠠᠭ᠎ᠠ | ᠮᠦᠴᠢᠷ 7.75 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 169.21 % ᠶᠢ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ3.67 ᠳ᠋ᠦᠩᠰᠢᠭᠤᠷ ᠲᠥᠭᠦᠷᠢᠭ ᠨᠡᠮᠡᠭᠳᠡᠵᠤ᠂ 89.95% | ᠪᠠᠷ ᠨᠡᠮᠡᠭᠳᠡᠪᠠ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠨᠡᠬᠦᠷᠡᠰᠣᠨ ᠠᠵᠢᠯ ᠲᠦᠷᠦᠯ 0.35 ᠳ᠋ᠦᠩᠰᠢᠭᠤᠷ | ᠳᠦᠭᠦᠷᠢᠭ ᠪᠡᠶᠡᠯᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢᠨ 2.16 % ᠶᠢ | ᠡᠵᠡᠯᠡᠵᠣ᠂ 9.04 % ᠪᠠᠷ ᠪᠠᠭᠤᠷᠠᠪᠠ︔ ᠰᠢᠲᠠᠮᠠᠬᠠᠢ ᠬᠡᠢ 0.94 ᠳ᠋ᠦᠩᠰᠢᠭᠤᠷ ᠳᠦᠭᠦᠷᠢᠭ ᠪᠡᠶᠡᠯᠡᠭᠦᠯᠵᠣ᠂ | ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢᠨ 5.87 % ᠶᠢ ᠡᠵᠡᠯᠡᠵᠣ᠂ 83.25 % | ᠪᠠᠷ ᠪᠠᠭᠤᠷᠠᠪᠠ︔ ᠴᠡᠬᠢᠯᠭᠠᠨ ᠬᠦᠴᠣᠨ ᠤ ᠠᠵᠢᠯ ᠲᠦᠷᠦᠯ 0.14 ᠳ᠋ᠦᠩᠰᠢᠭᠤᠷ ᠳᠦᠭᠦᠷᠢᠭ ᠪᠡᠶᠡᠯᠡᠭᠦᠯᠵᠣ᠂ | 12.88 % ᠪᠠᠷ ᠪᠠᠭᠤᠷᠠᠪᠠ︔ ᠪᠠᠷᠢᠯᠭ᠎ᠠ ᠶᠢᠨ ᠠᠵᠢᠯ ᠲᠦᠷᠦᠯ 0.47 ᠳ᠋ᠦᠩᠰᠢᠭᠤᠷ ᠳᠦᠭᠦᠷᠢᠭ ᠪᠡᠶᠡᠯᠡᠭᠦᠯᠵᠣ᠂ | 64.76 % ᠪᠠᠷ ᠪᠠᠭᠤᠷᠠᠪᠠ︔ ᠵᠠᠮ ᠲᠡᠬᠡᠬᠡᠪᠣᠷᠢ ᠶᠢᠨ ᠦᠢᠯᠡᠰ 470 ᠲᠥᠮᠡᠨ ᠳᠦᠭᠦᠷᠢᠭ ᠪᠡᠶᠡᠯᠡᠭᠦᠯᠵᠣ᠂ | 33.87 % ᠪᠠᠷ ᠨᠡᠮᠡᠭᠳᠡᠪᠠ︔ ᠬᠡᠷ ᠬᠦᠷᠦᠩᠬᠡ ᠶᠢᠨ ᠠᠵᠢᠯ ᠲᠦᠷᠦᠯ 0.12 ᠳ᠋ᠦᠩᠰᠢᠭᠤᠷ ᠳᠦᠭᠦᠷᠢᠭ | ᠪᠡᠶᠡᠯᠡᠭᠦᠯᠵᠣ᠂ 55.26% ᠪᠠᠷ ᠪᠠᠭᠤᠷᠠᠪᠠ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.36 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 3.96 % ᠪᠠᠷ ᠪᠠᠭᠤᠷᠠᠪᠠ︔ ᠦᠢᠯᠡᠴᠢᠯᠡᠬᠡᠨ ᠤ ᠦᠢᠯᠡᠰ 0.11 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 93.13 % ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0. | 13 ᠳ᠋ᠦᠩᠰᠢᠭᠤᠷ ᠳᠦᠭᠦᠷᠢᠭ ᠪᠡᠶᠡᠯᠡᠭᠦᠯᠵᠣ᠂ 13.59% ᠪᠠᠷ ᠪᠠᠭᠤᠷᠠᠪᠠ︔ ᠪᠣᠰᠣᠳ ᠠᠵᠢᠯ ᠲᠦᠷᠦᠯ 13. | 21 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ | ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ 242.53 % ᠪᠠᠷ ᠨᠡᠮᠡᠭᠳᠡᠪᠠ᠃ | 2015 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 28.28 | ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 19.61% ᠪᠠᠷ ᠨᠡᠮᠡᠭᠳᠡᠪᠠ᠂ ᠡᠭᠦᠨ | ᠳᠤ᠄ ᠬᠤᠰᠢᠭᠤ ᠲᠣᠰ ᠱᠠᠳᠣᠨ ᠤ ᠵᠠᠷᠣᠯᠭ᠎ᠠ 21.51 ᠳ᠋ᠦ᠋ᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ | ᠨᠡᠬᠡᠬᠡᠯᠲᠡ ᠶᠢᠨ ᠣᠷᠣᠨ ᠤ ᠵᠠᠷᠣᠯᠭ᠎ᠠ 2.96 ᠳ᠋ᠦᠩᠰᠢᠭᠤᠷ ᠲᠥᠭᠦᠷᠢᠭ᠂ ᠪᠠᠯᠭᠠᠰᠦ ᠱᠠᠳᠦᠨ ᠤ ᠵᠠᠷᠣᠯᠭ᠎ᠠ 3.81 | ᠳ᠋ᠦᠩᠰᠢᠭᠤᠷ ᠲᠦᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ | ᠃ 2015 ᠤᠨ ᠳᠤ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠥᠩᠭᠦ ᠶᠢᠨ ᠤᠷᠤᠯᠭ᠎ᠠ 3140 ᠲᠦᠮᠡᠨ | ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 8147 ᠲᠦᠮᠡᠨ ᠲᠦᠬᠦᠷᠢᠭ ᠪᠠᠭᠤᠷᠠᠵᠤ᠂ 72.18% ᠪᠠᠷ | ᠪᠠᠭᠤᠷᠠᠪᠠ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ4205 ᠲᠦᠮᠡᠨ ᠲᠥᠭᠦᠷᠢᠭ ︵ | ᠡᠬᠦᠨ ᠳᠤ᠄ ᠳᠡᠬᠡᠳᠤ ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.11 ᠳ᠋ᠦᠩᠰᠢᠭᠤᠷ ᠲᠦᠬᠦᠷᠢᠭ ᠪᠤᠢ︶᠂ | ᠠᠳᠠᠯᠢ ᠬᠤᠭᠤᠴᠠᠭᠠᠨ ᠠᠴᠠ 8979 ᠲᠦᠮᠡᠨ ᠲᠦᠬᠦᠷᠢᠭ ᠪᠠᠭᠤᠷᠠᠵᠤ᠂ 68.1% ᠪᠠᠷ ᠪᠠᠭᠤᠷᠠᠪᠠ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ | 2015 ᠤᠨ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 1.63 ᠳ᠋ᠦᠩᠰᠢᠭᠤᠷ | ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ ᠪᠠᠭᠤᠷᠠᠵᠤ᠂ 10. | 93% ᠪᠠᠷ ᠪᠠᠭᠤᠷᠠᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ | ᠶᠢ 1.63 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ | ᠪᠠᠭᠤᠷᠠᠵᠤ᠂ 10.93% ᠪᠠᠷ ᠪᠠᠭᠤᠷᠠᠪᠠ᠃ | 2015 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ | ᠤᠨᠴᠠᠯᠢᠭ᠄ | ︵ᠨᠢᠭᠡ︶ ᠤᠯᠠᠨ ᠠᠷᠭ᠎ᠠ ᠠᠪᠴᠠᠯ ᠢ ᠬᠠᠮᠳᠤ ᠬᠡᠷᠡᠭᠯᠡᠵᠤ ᠤᠷᠤᠯᠭ᠎ᠠ ᠶᠢ ᠨᠡᠮᠡᠭᠳᠡᠬᠦᠯᠤᠨ᠂ ᠡᠳ᠋ ᠤᠨ ᠵᠠᠰᠠᠭ ᠤᠨ | ᠪᠠᠳᠤᠯᠠᠭ᠎ᠠ ᠶᠢᠨ ᠲᠦᠪᠰᠢᠨ ᠢ ᠰᠢᠨ᠎ᠠ ᠳᠡᠬᠡᠭᠰᠢᠯᠡᠯᠳᠠ ᠲᠠᠢ ᠪᠤᠯᠭᠠᠪᠠ᠃ ᠪᠦᠬᠦ ᠬᠤᠰᠢᠭᠤᠨ ᠤ ᠠᠵᠤ ᠠᠬᠤᠢ ᠶᠢᠨ | ᠪᠦᠬᠦᠶᠢᠯᠡ ᠴᠤᠭᠴᠠ ᠪᠠᠷ ᠤᠳᠠᠭᠠᠰᠢᠷᠠᠭᠰᠡᠨ ᠪᠠᠶᠢᠳᠠᠯ ᠳᠤ ᠬᠠᠨᠳᠤᠭᠤᠯᠤᠨ᠂ ᠡᠳ᠋ ᠤᠨ ᠵᠠᠰᠠᠭ ᠭᠠᠶᠢᠯᠢ ᠶᠢᠨ | ᠶᠠᠪᠤᠳᠠᠯ ᠤᠨ ᠰᠠᠯᠠᠭ᠎ᠠ ᠮᠦᠴᠢᠷ ᠵᠢᠯ ᠤᠨ ᠡᠬᠢᠨ ᠤ ᠤᠷᠤᠯᠭ᠎ᠠ ᠶᠢᠨ ᠬᠠᠷᠠᠯᠳᠠ ᠶᠢ ᠴᠢᠩᠭᠠᠤᠨᠬᠠᠨ ᠬᠦᠴᠤᠯᠡᠵᠤ᠂ | ᠳᠤᠭᠳᠠᠮᠠᠯ ᠬᠤᠭᠤᠴᠠᠭ᠎ᠠ ᠲᠠᠢ ᠪᠠᠷ ᠰᠤᠳᠤᠯᠤᠨ ᠵᠠᠳᠠᠯᠵᠤ ᠳᠤᠬᠢᠷᠠᠭᠤᠯᠬᠤ ᠬᠠᠮᠳᠤᠷᠠᠯ ᠳᠤᠭᠳᠠᠯᠴᠠᠭ᠎ᠠ ᠶᠢ | ᠬᠡᠷᠡᠭᠵᠢᠬᠦᠯᠤᠨ᠂ ᠤᠷᠤᠯᠭ᠎ᠠ ᠶᠢᠨ ᠳᠤᠭ᠎ᠠ ᠬᠡᠮᠵᠢᠶ᠎ᠠ ᠶᠢ ᠡᠳᠤᠷ ᠢᠶᠠᠷ ᠬᠤᠭᠤᠴᠠᠭᠠᠯᠠᠨ ᠪᠦᠷᠢᠤᠨᠬᠡᠵᠤ᠂ ᠤᠷᠤᠯᠭ᠎ᠠ | ᠶᠢᠨ ᠠᠬᠢᠯᠳᠠ ᠶᠢ ᠠᠷᠪᠠᠨ ᠡᠳᠤᠷ ᠢᠶᠠᠷ ᠬᠤᠭᠤᠴᠠᠭᠠᠯᠠᠵᠤ ᠤᠶᠢᠯᠠᠭᠠᠨ᠂ ᠤᠷᠤᠯᠭ᠎ᠠ ᠶᠢᠨ ᠪᠠᠶᠢᠳᠠᠯ ᠢ ᠰᠠᠷ᠎ᠠ ᠪᠠᠷ | ᠬᠤᠭᠤᠴᠠᠭᠠᠯᠠᠨ ᠵᠠᠳᠠᠯᠵᠤ᠂ ᠳᠤᠬᠢᠷᠠᠭᠤᠯᠤᠯᠳᠠ ᠶᠢᠨ ᠬᠤᠷᠠᠯ ᠢ ᠤᠯᠠᠷᠢᠯ ᠪᠤᠯᠭᠠᠨ ᠬᠤᠷᠠᠯᠳᠤᠭᠤᠯᠵᠤ᠂ | ᠭᠤᠤᠯᠳᠠᠯᠭᠠᠳᠤ ᠠᠵᠤ ᠤᠶᠢᠯᠡᠰ ᠪᠤᠯᠤᠨ ᠲᠦᠷᠤᠯ ᠵᠦᠢᠯ᠂ ᠭᠤᠤᠯᠳᠠᠯᠭᠠᠳᠤ ᠭᠠᠶᠢᠯᠢ ᠶᠢᠨ ᠠᠵᠤ ᠠᠬᠤᠶᠢᠯᠠᠯ ᠳᠤ | ᠬᠠᠨᠳᠤᠭᠤᠯᠤᠭᠰᠡᠨ ᠪᠠᠶᠢᠴᠠᠭᠠᠨ ᠰᠤᠳᠤᠯᠤᠯᠳᠠ ᠶᠢ ᠴᠢᠩᠭᠠᠤᠨᠬᠠᠨ᠂ ᠲᠦᠪ ᠤᠨ ᠠᠵᠤ ᠠᠬᠤᠶᠢᠯᠠᠯ ᠤᠨ ᠬᠠᠷᠢᠶ᠎ᠠ | ᠳᠠᠩᠰᠠᠯᠠᠯ ᠢ ᠬᠦᠴᠤᠯᠡᠨ ᠤᠯᠵᠤ᠂ ᠡᠳ᠋ ᠤᠨ ᠵᠠᠰᠠᠭ ᠤᠨ ᠤᠷᠤᠯᠭ᠎ᠠ ᠪᠠᠨ ᠪᠠᠳᠣᠯᠠᠪᠠ᠃ 2015 ᠤᠨ ᠳᠤ᠂ ᠪᠦᠬᠦ | ᠬᠤᠰᠢᠭᠤᠨ ᠤ ᠨᠠᠶᠢᠳᠠ ᠶᠢᠨ ᠲᠦᠰᠤᠪ ᠤᠨ ᠤᠷᠤᠯᠭ᠎ᠠ ᠶᠢ 16 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠪᠦᠬᠦ | ᠤᠷᠤᠨ ᠤ 102 ᠬᠤᠰᠢᠭᠤ ᠰᠢᠶᠠᠨ ᠤ ᠳᠤᠮᠳᠠ 23 ᠳ᠋ᠤᠭᠠᠷ ᠪᠠᠶᠢᠷᠢᠨ ᠳᠤ ᠵᠢᠭᠰᠠᠪᠠ᠃ | ( ᠬᠤᠶᠠᠷ︶ ᠵᠠᠷᠤᠯᠭ᠎ᠠ ᠶᠢ ᠰᠢᠯᠢᠳᠡᠭᠵᠢᠬᠦᠯᠤᠨ ᠠᠷᠠᠤᠨ ᠤᠨ ᠠᠮᠢᠳᠤᠷᠠᠯ ᠢ ᠬᠠᠷᠠᠭᠠᠯᠵᠠᠵᠤ᠂ ᠨᠠᠶᠢᠬᠡᠮ ᠤᠨ | ᠠᠵᠢᠯ ᠤᠶᠢᠯᠡᠰ ᠤᠨ ᠬᠦᠭᠵᠢᠯᠳᠠ ᠶᠢ ᠰᠢᠨ᠎ᠠ ᠰᠢᠪᠳᠤᠯᠤᠯᠳᠠ ᠲᠠᠢ ᠪᠤᠯᠭᠠᠪᠠ᠃ ᠡᠯ᠎ᠡ ᠵᠠᠰᠠᠭ ᠵᠠᠬᠢᠷᠭ᠎ᠠ ᠠᠵᠢᠯ | ᠤᠶᠢᠯᠡᠰ ᠤᠨ ᠨᠢᠬᠡᠴᠠ ᠶᠢ ᠠᠷᠪᠢᠯᠠᠭᠤᠯᠤᠨ ᠭᠠᠮᠨᠠᠭᠤᠯᠵᠤ᠂ ᠨᠠᠩ ᠤᠯᠠᠨ ᠡᠳ᠋ ᠤᠨ ᠬᠦᠴᠤᠨ ᠢᠶᠠᠨ ᠠᠷᠠᠤᠨ ᠤᠨ | ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠳᠤ ᠵᠠᠷᠤᠴᠠᠭᠤᠯᠤᠨ᠂ 2015 ᠤᠨ ᠳᠤ ᠠᠷᠠᠤᠨ ᠤᠨ ᠠᠮᠢᠳᠤᠷᠠᠯ ᠤᠨ | ᠬᠦᠷᠢᠶ᠎ᠠ ᠴᠡᠷᠠᠭ᠎ᠠ ᠳᠤ 21.28 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠪᠦᠬᠦ ᠬᠤᠰᠢᠭᠤᠨ ᠤ ᠡᠳ᠋ ᠤᠨ ᠵᠠᠰᠠᠭ | ᠤᠨ ᠲᠦᠰᠤᠪ ᠤᠨ ᠵᠠᠷᠤᠯᠭ᠎ᠠ ᠶᠢᠨ 75.25% ᠶᠢ ᠡᠵᠡᠯᠡᠬᠦᠯᠵᠤ᠂ ᠡᠳ᠋ ᠤᠨ ᠬᠦᠴᠤᠨ ᠢᠶᠠᠨ ᠲᠦᠪᠯᠡᠷᠡᠬᠦᠯᠤᠨ | ᠪᠦᠬᠦ ᠬᠤᠰᠢᠭᠤᠨ ᠤ ᠠᠷᠠᠤᠨ ᠢ ᠬᠠᠷᠠᠭᠠᠯᠵᠠᠬᠤ 6 ᠲᠦᠷᠤᠯ ᠤᠨ ᠪᠤᠳᠠᠳᠤ ᠤᠴᠢᠷ ᠤᠨ ᠪᠡᠯᠡ ᠬᠡᠷᠡᠭᠯᠡᠭᠡ ᠶᠢ | ᠪᠠᠳᠤᠯᠠᠪᠠ᠃ ᠨᠢᠬᠡ ᠳᠤ᠂ 1.27 ᠳ᠋ᠦᠩᠰᠢᠭᠤᠷ ᠲᠦᠬᠦᠷᠢᠭ ᠵᠠᠷᠤᠴᠠᠭᠤᠯᠤᠨ᠂ 184 ᠺᠢᠯᠤᠮᠧᠲᠷ ᠤᠨ ᠬᠦᠳᠡᠭᠡ | ᠶᠢᠨ ᠳᠤᠰᠤᠨ ᠵᠠᠮ ᠳᠡᠪᠢᠰᠴᠤ᠂ ᠡᠯ᠎ᠡ ᠵᠠᠰᠠᠮᠠᠯ ᠵᠠᠮ ᠢ ᠳᠡᠬᠦᠯᠳᠡᠷᠵᠢᠬᠦᠯᠤᠨ ᠬᠠᠷᠢᠯᠴᠠᠨ ᠨᠦᠬᠦᠪᠤᠷᠢᠯᠡᠵᠤ᠂ | ᠬᠠᠷᠢᠯᠴᠠᠨ ᠨᠡᠪᠳᠡᠷᠡᠯᠴᠡᠭᠰᠡᠨ ᠬᠤᠳᠠ ᠬᠦᠳᠡᠭᠡ ᠶᠢᠨ ᠵᠠᠮ ᠬᠠᠷᠢᠯᠴᠠᠭᠠᠨ ᠤ ᠳᠤᠤᠷᠵᠢᠯ ᠢ ᠪᠦᠷᠢᠯᠳᠤᠬᠦᠯᠪᠠ᠃ ᠬᠤᠶᠠᠷ | ᠲᠤ᠂ 1700 ᠲᠦᠮᠡᠨ ᠲᠦᠬᠦᠷᠢᠭ ᠪᠡᠯᠡ ᠵᠠᠷᠤᠴᠠᠭᠤᠯᠵᠤ᠂ ᠪᠦᠬᠦ ᠠᠷᠠᠤᠨ ᠤᠨ ᠪᠡᠶ᠎ᠡ ᠴᠢᠬᠢᠷᠠᠭᠵᠢᠭᠤᠯᠬᠤ ᠲᠦᠪ ᠢ | ᠪᠠᠶᠢᠭᠤᠯᠤᠨ᠂ ᠠᠬᠠᠮᠠᠤᠨ ᠺᠠᠳ᠋ᠷᠴᠤᠤᠨ ᠤᠨ ᠬᠦᠳᠡᠯᠬᠡᠬᠡᠨ ᠤ ᠳᠠᠯᠠᠪᠠᠢ ᠶᠢ ᠴᠡᠭᠴᠡᠯᠡᠨ ᠰᠠᠶᠢᠵᠢᠷᠠᠭᠤᠯᠵᠤ᠂ ᠡᠯ᠎ᠡ | ᠦᠨᠳᠤᠰᠤᠳᠠᠨ ᠡᠯ᠎ᠡ ᠡᠳᠡᠬᠡᠤᠨ ᠤᠨ ᠤᠯᠠᠨ ᠲᠦᠮᠡᠨ ᠪᠠ ᠠᠬᠠᠮᠠᠤᠨ ᠺᠠᠳ᠋ᠷᠴᠤᠤᠨ ᠲᠤ ᠳᠤᠬᠢᠯᠢᠭ ᠳᠠᠭᠠᠯᠠᠮᠵᠢᠳᠠᠢ | ᠠᠭᠤᠳᠠᠮ ᠰᠠᠷᠠᠭᠤᠯ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠤᠷᠤᠨ ᠵᠠᠢ ᠬᠠᠩᠭᠠᠨ᠂ ᠪᠦᠬᠦ ᠠᠷᠠᠤᠨ ᠤᠨ ᠪᠡᠶ᠎ᠡ | ᠮᠠᠬᠠᠪᠤᠤᠨ ᠤᠨ ᠬᠡᠪ ᠴᠢᠨᠠᠷ ᠢ ᠳᠡᠬᠡᠭᠰᠢᠯᠡᠬᠦᠯᠪᠠ᠃ ᠭᠤᠷᠪᠠ ᠳᠤ᠂ 173 ᠲᠦᠮᠡᠨ ᠲᠦᠬᠦᠷᠢᠭ ᠪᠡᠯᠡ ᠵᠠᠷᠤᠴᠠᠭᠤᠯᠤᠨ | ᠂ ᠴᠡᠪᠡᠷᠯᠡᠭᠡ ᠶᠢᠨ ᠠᠵᠢᠯᠴᠢᠤᠨ ᠲᠤ ᠦᠷᠯᠤᠬᠡᠨ ᠤ ᠬᠤᠭᠤᠯᠠ ᠶᠢᠨ ᠨᠦᠬᠦᠪᠤᠷᠢ ᠤᠯᠭᠤᠬᠤ ᠶᠢᠨ ᠬᠠᠮᠳᠤ ᠵᠠᠰᠠᠭ ᠤᠨ | ᠤᠷᠳᠤᠨ ᠠᠴᠠ ᠬᠡᠨᠡᠳᠡᠯ ᠤᠨ ᠳᠠᠭᠠᠤᠨᠬᠠᠯ ᠢ ᠨᠢ ᠳᠠᠭᠠᠭᠠᠵᠤ᠂ ᠤᠷᠤᠨ ᠳᠤᠭ᠎ᠠ ᠪᠦᠬᠦᠢ ᠪᠠᠭᠰᠢ ᠠᠵᠢᠯᠳᠠᠤᠨ ᠬᠢᠬᠡᠤᠨ | ᠠᠮᠠᠷᠠᠯᠳᠠ ᠪᠠᠨ ᠠᠪᠤᠭᠰᠡᠨ ᠠᠬᠠᠮᠤᠨ ᠪᠠᠭᠰᠢᠨᠠᠷ ᠲᠤ ᠵᠢᠯ ᠳᠤᠳᠤᠮ ᠨᠢᠬᠡ ᠤᠳᠠᠭᠠᠨ ᠤ ᠲᠦᠯᠤᠪᠤᠷᠢ ᠦᠬᠡᠢ ᠡᠷᠡᠬᠦᠯ | ᠴᠢᠬᠢᠷᠠᠭ ᠤᠨ ᠪᠠᠶᠢᠴᠠᠭᠠᠯᠳᠠ ᠬᠢᠪᠠ᠃ ᠲᠦᠷᠪᠠ ᠳᠤ᠂ 6000 ᠲᠦᠮᠡᠨ ᠲᠦᠬᠦᠷᠢᠭ ᠪᠡᠯᠡ ᠵᠠᠷᠤᠴᠠᠭᠤᠯᠵᠤ᠂ | ᠤᠷᠢᠳᠠᠪᠠᠷ ᠪᠠᠶᠢᠭᠤᠯᠤᠨ ᠰᠡᠬᠦᠯᠡᠷ ᠨᠦᠬᠦᠬᠦ ᠲᠦᠷᠤ ᠶᠢᠨ ᠪᠤᠳᠤᠯᠭ᠎ᠠ ᠬᠡᠷᠡᠭᠵᠢᠬᠦᠯᠤᠨ ᠳᠤᠰᠤᠯᠡᠭᠠᠨ ᠤᠰᠤᠯᠠᠬᠤ | ᠮᠡᠷᠬᠡᠵᠢᠯ ᠢ ᠲᠦᠬᠡᠮᠡᠯᠵᠢᠬᠦᠯᠤᠨ᠂ ᠠᠷᠪᠢᠳᠠᠢ ᠤᠰᠤᠯᠠᠯᠳᠠ ᠶᠢᠨ ᠳᠠᠯᠠᠪᠠᠢ ᠶᠢ 25 ᠲᠦᠮᠡᠨ ᠮᠤ᠋ ᠦᠷᠬᠡᠤᠨᠬᠡᠵᠤ᠂ | ᠤᠰᠤᠨ ᠡᠬᠢ ᠰᠤᠷᠪᠤᠯᠵᠢ ᠶᠢᠨ ᠦᠷᠬᠦᠯᠵᠢᠬᠦᠶᠢᠴᠠ ᠠᠰᠢᠭᠯᠠᠯᠳᠠ ᠶᠢ ᠪᠡᠶᠡᠯᠡᠬᠦᠯᠪᠠ᠃ ᠳᠠᠪᠤ ᠳᠤ᠂ 120 ᠲᠦᠮᠡᠨ | ᠲᠦᠬᠦᠷᠢᠭ ᠪᠡᠯᠡ ᠵᠠᠷᠤᠴᠠᠭᠤᠯᠵᠤ᠂ ᠤᠯᠵᠠᠴᠢ ᠶᠢᠨ ᠪᠠᠯᠭᠠᠰᠤᠨ ᠳᠤᠭᠤᠷᠢᠭ ᠲᠤ ᠨᠠᠶᠢᠳᠠ ᠶᠢᠨ ᠮᠠᠰᠢᠨ | ᠨᠡᠪᠳᠡᠷᠡᠬᠦᠯᠵᠤ᠂ ᠠᠷᠠᠤᠨ ᠤᠯᠠᠨ ᠳᠤ ᠲᠦᠬᠦᠮ ᠦᠵᠡᠬᠦᠯᠪᠠ᠃ ᠵᠢᠷᠭᠤᠭ᠎ᠠ ᠳᠤ᠂ 105 ᠲᠦᠮᠡᠨ ᠲᠦᠬᠦᠷᠢᠭ ᠪᠡᠯᠡ | ᠵᠠᠷᠤᠴᠠᠭᠤᠯᠤᠨ᠂ ᠡᠷᠡᠬᠦᠯ ᠬᠠᠮᠠᠭᠠᠯᠠᠯ ᠤᠨ ᠬᠤᠷᠢᠶᠠᠨ ᠠᠴᠠ 10 ᠺᠢᠯᠤᠮᠧᠲᠷ ᠵᠠᠶᠢᠳᠠᠢ ᠭᠠᠵᠠᠷ ᠰᠠᠭᠤᠷᠢᠰᠢᠬᠤ 45 | ᠪᠦᠬᠦᠯᠢ ᠨᠠᠰᠤᠨ ᠠᠴᠠ ᠳᠡᠬᠡᠭᠰᠢᠬᠢ 7000 ᠡᠷᠤᠬᠡ ᠶᠢᠨ ᠮᠠᠯᠴᠢᠨ ᠳᠠᠷᠢᠶᠠᠴᠢᠤᠨ ᠲᠤ ᠪᠠᠴᠢᠮ ᠠᠪᠤᠷᠠᠯᠳᠠ ᠶᠢᠨ | ᠡᠮ ᠤᠨ ᠬᠠᠶᠢᠷᠴᠠᠭ ᠲᠦᠬᠡᠬᠡᠵᠤ᠂ ᠤᠯᠠᠨ ᠲᠦᠮᠡᠨ ᠤ ᠦᠨᠳᠤᠰᠤᠨ ᠪᠠᠴᠢᠮ ᠠᠷᠭᠠᠴᠠᠯᠳᠠ ᠶᠢᠨ ᠱᠠᠭᠠᠷᠳᠠᠯᠭ᠎ᠠ ᠶᠢ | ᠬᠠᠩᠭᠠᠪᠠ︔ 3.7 ᠳ᠋ᠦᠩᠰᠢᠭᠤᠷ ᠲᠦᠬᠦᠷᠢᠭ ᠤᠨ ᠮᠠᠯ ᠳᠠᠷᠢᠶᠠᠯᠠᠩ ᠤᠨ ᠨᠦᠬᠦᠪᠤᠷᠢ ᠮᠦᠩᠬᠦ ᠶᠢ ︽ᠨᠢᠬᠡ ᠺᠠᠷᠲ | ᠢᠶᠠᠷ ᠤᠯᠭᠤᠵᠤ︾᠂ ᠡᠬᠦᠨ ᠳᠤ᠄ ᠠᠮᠤ ᠲᠦᠮᠤᠰᠤᠨ ᠤ ᠰᠢᠭᠤᠤᠨ ᠨᠦᠬᠦᠪᠤᠷᠢ 85 ᠲᠦᠮᠡᠨ ᠲᠦᠬᠦᠷᠢᠭ᠂ | ᠳᠠᠷᠢᠶᠠᠯᠠᠩ ᠤᠨ ᠡᠳ᠋ ᠪᠤᠳᠠᠰ ᠤᠨ ᠶᠡᠷᠤᠩᠬᠡᠶᠢᠯᠡᠭᠰᠡᠨ ᠨᠦᠬᠦᠪᠤᠷᠢ 1084 ᠲᠦᠮᠡᠨ ᠲᠦᠬᠦᠷᠢᠭ᠂ ᠰᠠᠶᠢᠨ ᠡᠬᠦᠯᠳᠡᠷ | ᠤᠨ ᠳᠠᠷᠢᠮᠠᠯ ᠤᠨ ᠨᠦᠬᠦᠪᠤᠷᠢ 521 ᠲᠦᠮᠡᠨ ᠲᠦᠬᠦᠷᠢᠭ᠂ ᠰᠢᠯᠵᠢᠭᠰᠡᠨ ᠮᠠᠯᠴᠢᠨ ᠳᠠᠷᠢᠶᠠᠴᠢᠤᠨ ᠤᠨ ᠠᠮᠢᠳᠤᠷᠠᠯ | ᠤᠨ ᠨᠦᠬᠦᠪᠤᠷᠢ 2943 ᠲᠦᠮᠡᠨ ᠲᠦᠬᠦᠷᠢᠭ᠂ ᠨᠤᠳᠤᠭ ᠪᠡᠯᠴᠢᠬᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ 1. | 4 ᠳ᠋ᠦᠩᠰᠢᠭᠤᠷ ᠲᠦᠬᠦᠷᠢᠭ᠂ ᠨᠠᠶᠢᠳᠠ ᠶᠢᠨ ᠠᠰᠠᠷᠠᠮᠵᠢ ᠶᠢᠨ ᠤᠢ ᠶᠢᠨ ᠨᠦᠬᠦᠪᠤᠷᠢ 4567 ᠲᠦᠮᠡᠨ ᠲᠦᠬᠦᠷᠢᠭ᠂ | ᠳᠠᠷᠢᠶᠠᠨ ᠭᠠᠵᠠᠷ ᠢ ᠠᠳᠠᠷᠰᠢᠭᠤᠯᠤᠨ ᠤᠶᠢᠵᠢᠭᠤᠯᠤᠭᠰᠡᠨ ᠮᠦᠩᠬᠦ 230 ᠲᠦᠮᠡᠨ ᠲᠦᠬᠦᠷᠢᠭ᠂ ᠤᠢ ᠰᠢᠭᠤᠢ ᠶᠢᠨ | ᠬᠠᠮᠠᠭᠠᠯᠠᠯᠳᠠ ᠶᠢᠨ ᠵᠠᠷᠤᠳᠠᠯ 558 ᠲᠦᠮᠡᠨ ᠲᠦᠬᠦᠷᠢᠭ᠂ ᠳᠠᠷᠢᠶᠠᠯᠠᠩ ᠤᠨ ᠮᠠᠰᠢᠨ ᠤ ᠨᠦᠬᠦᠪᠤᠷᠢ 218 ᠲᠦᠮᠡᠨ | ᠲᠦᠬᠦᠷᠢᠭ᠂ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠡᠯᠡ 1617 ᠲᠦᠮᠡᠨ ᠲᠦᠬᠦᠷᠢᠭ᠂ ᠬᠤᠳᠠ ᠶᠢᠨ | ᠰᠠᠭᠤᠭᠠᠯᠢ ᠠᠷᠠᠤᠨ ᠤᠨ ᠳᠤᠤᠷ᠎ᠠ ᠪᠠᠳᠤᠯᠠᠭ᠎ᠠ ᠶᠢᠨ ᠪᠡᠯᠡ 894 ᠲᠦᠮᠡᠨ ᠲᠦᠬᠦᠷᠢᠭ ᠵᠠᠷᠤᠴᠠᠭᠤᠯᠵᠤ᠂ ᠠᠷᠠᠤᠨ ᠢ | ᠬᠠᠷᠠᠭᠠᠯᠵᠠᠬᠤ ᠡᠯ᠎ᠡ ᠲᠦᠷᠤᠯ ᠤᠨ ᠪᠤᠳᠤᠯᠭ᠎ᠠ ᠰᠢᠢᠤᠨᠪᠤᠷᠢ ᠶᠢ ᠯᠠᠪᠳᠠᠭᠤᠨ ᠪᠠᠳᠤᠳᠠᠢ ᠨᠠᠶᠢᠳᠠᠪᠤᠷᠢᠵᠢᠭᠤᠯᠪᠠ᠃ | ︵ᠭᠤᠷᠪᠠ︶ ᠬᠢᠨᠠᠯᠳᠠ ᠬᠠᠮᠢᠶᠠᠷᠤᠯᠳᠠ ᠪᠠᠨ ᠴᠢᠩᠭᠠᠤᠨᠬᠠᠵᠤ᠂ ᠡᠳ᠋ ᠤᠨ ᠵᠠᠰᠠᠭ ᠤᠨ ᠬᠠᠮᠢᠶᠠᠷᠤᠯᠳᠠ ᠶᠢᠨ | ᠲᠦᠪᠰᠢᠨ ᠢᠶᠠᠨ ᠤᠯᠠᠮ ᠳᠡᠬᠡᠭᠰᠢᠯᠡᠬᠦᠯᠪᠠ᠃ ᠡᠳ᠋ ᠤᠨ ᠵᠠᠰᠠᠭ ᠤᠨ ᠪᠡᠯᠡ ᠮᠦᠩᠬᠦ ᠳᠤ ᠶᠠᠪᠤᠴᠠ ᠶᠢᠨ ᠡᠮᠤᠨᠡᠬᠢ | ᠬᠢᠨᠠᠯᠳᠠ ᠴᠤᠬᠤᠯᠠᠪᠤᠷᠢᠯᠠᠯᠳᠠ᠂ ᠶᠠᠪᠤᠴᠠ ᠳᠤᠮᠳᠠᠬᠢ ᠬᠢᠨᠠᠯᠳᠠ ᠬᠠᠮᠢᠶᠠᠷᠤᠯᠳᠠ᠂ ᠳᠡᠬᠦᠰᠦᠭᠰᠡᠨ ᠤ ᠳᠠᠷᠠᠭᠠᠬᠢ ᠦᠷ᠎ᠠ | ᠪᠦᠳᠤᠮᠵᠢ ᠶᠢᠨ ᠬᠠᠷᠢᠭᠤᠴᠠᠯᠭ᠎ᠠ ᠠᠰᠠᠭᠤᠬᠤ ᠪᠦᠬᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢ ᠬᠦᠢᠴᠡᠤᠨ | ᠴᠢᠩᠭᠠᠤᠨᠬᠠᠵᠤ᠂ ᠪᠡᠯᠡ ᠮᠦᠩᠬᠦᠨ ᠤ ᠠᠮᠤᠷ ᠲᠦᠪᠰᠢᠨ ᠢ ᠪᠠᠳᠤᠯᠠᠨ ᠪᠦᠳᠤᠮᠵᠢᠳᠠᠢ ᠠᠰᠢᠭᠯᠠᠪᠠ᠃ ᠡᠳ᠋ ᠤᠨ ᠵᠠᠰᠠᠭ | ᠤᠨ ᠲᠦᠰᠤᠪ ᠪᠠ ᠬᠦᠢᠴᠡᠤᠨᠬᠡᠯ᠂ ᠰᠠᠯᠠᠭ᠎ᠠ ᠮᠦᠴᠢᠷ ᠤᠨ ᠲᠦᠰᠤᠪ ᠪᠠ ᠬᠦᠢᠴᠡᠤᠨᠬᠡᠯ ᠵᠢᠴᠢ ︽ᠭᠤᠷᠪᠠᠨ ᠠᠯᠪᠠᠨ︾ | ᠵᠠᠷᠤᠳᠠᠯ ᠢ ᠪᠦᠬᠦ ᠳᠠᠯ᠎ᠠ ᠪᠠᠷ ᠢᠯᠡᠰᠢᠬᠦᠯᠵᠤ᠂ ︽ᠭᠤᠷᠪᠠᠨ ᠠᠯᠪᠠᠨ︾ ᠵᠠᠷᠤᠳᠠᠯ ᠤᠨ ᠬᠠᠮᠢᠶᠠᠷᠤᠯᠳᠠ ᠡᠵᠡᠮᠰᠢᠯ ᠢ | ᠴᠢᠩᠭᠠᠤᠨᠬᠠᠨ᠂ ᠵᠠᠷᠤᠯᠭ᠎ᠠ ᠶᠢ ᠶᠡᠬᠡᠪᠡᠷ ᠪᠠᠭᠤᠷᠠᠭᠤᠯᠪᠠ᠃ 2015 ᠤᠨ ᠳᠤ ᠪᠦᠬᠦ ᠬᠤᠰᠢᠭᠤᠨ ᠤ ︽ᠭᠤᠷᠪᠠᠨ | ᠠᠯᠪᠠᠨ︾ ᠵᠠᠷᠤᠳᠠᠯ ᠤᠨ ᠵᠠᠷᠤᠯᠭ᠎ᠠ 2717 ᠲᠦᠮᠡᠨ ᠲᠦᠬᠦᠷᠢᠭ ᠬᠦᠷᠴᠤ᠂ ᠠᠳᠠᠯᠢ ᠬᠤᠭᠤᠴᠠᠭᠠᠨ ᠤ ᠬᠢ ᠠᠴᠠ | 25.25% ᠪᠠᠭᠤᠷᠠᠭᠤᠯᠤᠨ᠂ ᠡᠩ ᠤᠨ ᠠᠯᠪᠠᠨ ᠵᠠᠷᠤᠯᠭ᠎ᠠ ᠶᠢᠨ ︽ᠳᠡᠭ ᠦᠰᠤᠯᠳᠠ︾ ᠶᠢ ᠪᠡᠶᠡᠯᠡᠬᠦᠯᠪᠠ᠃ | ᠦᠷᠢ ᠦᠭᠴᠡᠬᠡᠨ ᠤ ᠬᠠᠮᠢᠶᠠᠷᠤᠯᠳᠠ ᠶᠢ ᠴᠢᠩᠭᠠᠤᠨᠬᠠᠵᠤ᠂ ᠬᠢᠨᠠᠯᠳᠠ ᠴᠤᠬᠤᠯᠠᠪᠤᠷᠢᠯᠠᠯ ᠢ ᠳᠠᠮᠵᠢᠬᠤ ᠦᠬᠡᠢ ᠪᠠᠷ | ᠦᠷᠢ ᠳᠠᠯᠪᠢᠬᠤ ᠶᠢ ᠬᠤᠷᠢᠭᠯᠠᠪᠠ︔ ᠦᠷᠢ ᠬᠤᠯᠠᠯᠳᠠ ᠶᠢᠨ ᠪᠡᠯᠡ ᠮᠦᠩᠬᠦ ᠶᠢ ᠤᠯᠠᠨ ᠠᠷᠭ᠎ᠠ ᠠᠪᠴᠠᠯ ᠢᠶᠠᠷ | ᠴᠤᠭᠯᠠᠭᠤᠯᠵᠤ᠂ ᠦᠯᠡᠳᠡᠭᠳᠡᠯ ᠦᠷᠢ ᠶᠢ ᠪᠦᠳᠤᠮᠵᠢᠳᠠᠢ ᠰᠢᠢᠤᠨᠪᠤᠷᠢᠯᠡᠪᠠ᠃ 2015 ᠤᠨ ᠳᠤ᠂ ᠵᠠᠰᠠᠭ ᠤᠨ | ᠤᠷᠳᠤᠨ ᠤ ᠴᠢᠨᠠᠷᠳᠠᠢ ᠦᠯᠡᠳᠡᠭᠳᠡᠯ ᠦᠷᠢ ᠶᠢ 9.78 ᠳ᠋ᠥᠩᠰᠢᠭᠤᠷ ᠲᠦᠬᠦᠷᠢᠭ ᠰᠢᠢᠤᠨᠪᠤᠷᠢᠯᠡᠵᠤ ︵ᠡᠬᠦᠨᠳᠤ | ᠠᠯᠪᠠᠨ ᠵᠢᠬᠡᠯᠯᠡᠭᠡ ᠶᠢᠨ ᠳᠡᠮᠳᠡᠭ ᠤᠨ ᠪᠡᠯᠡ ᠮᠦᠩᠬᠦ ᠰᠤᠯᠢᠬᠤ ᠪᠠᠷ 5.76 ᠳ᠋ᠥᠩᠰᠢᠭᠤᠷ ᠲᠦᠬᠦᠷᠢᠭ | ᠰᠢᠢᠤᠨᠪᠤᠷᠢᠯᠡᠪᠠ︶᠂ ᠦᠯᠡᠳᠡᠭᠳᠡᠯ ᠦᠷᠢ ᠶᠢᠨ ᠶᠡᠷᠤᠩᠬᠡᠢ ᠬᠡᠮᠵᠢᠶ᠎ᠠ 28.26% ᠪᠠᠭᠤᠷᠠᠪᠠ︔ ᠰᠢᠨ᠎ᠠ ᠨᠡᠮᠡᠭᠳᠡᠭᠰᠡᠨ | ᠦᠷᠢ 62562 ᠲᠦᠮᠡᠨ ᠲᠦᠬᠦᠷᠢᠭ ︵ᠡᠬᠦᠨᠳᠤ ᠠᠯᠪᠠᠨ ᠵᠢᠬᠡᠯᠯᠡᠭᠡ ᠶᠢᠨ ᠳᠡᠮᠳᠡᠭ ᠤᠨ ᠪᠡᠯᠡ ᠮᠦᠩᠬᠦ ᠰᠤᠯᠢᠭᠰᠡᠨ | ᠨᠢ 57562 ᠲᠦᠮᠡᠨ ᠲᠦᠬᠦᠷᠢᠭ᠂ ᠰᠢᠨ᠎ᠠ ᠨᠡᠮᠡᠭᠳᠡᠭᠰᠡᠨ ᠠᠯᠪᠠᠨ ᠵᠢᠬᠡᠯᠡᠯᠬᠡ ᠶᠢᠨ ᠳᠡᠮᠳᠡᠭ 5000 ᠲᠦᠮᠡᠨ | ᠲᠦᠬᠦᠷᠢᠭ︶᠃ ᠡᠳ᠋ ᠤᠨ ᠵᠠᠰᠠᠭ ᠤᠨ ᠲᠦᠷ ᠴᠠᠭ ᠤᠨ ᠴᠢᠨᠠᠷᠳᠠᠢ ᠦᠷᠢ ᠦᠭᠴᠡᠭᠡ ᠶᠢ ᠪᠦᠬᠦᠳᠠ ᠶᠢ ᠴᠡᠪᠡᠷᠯᠡᠵᠤ᠂ | ᠳᠤᠰᠬᠠᠢ ᠲᠦᠷᠤᠯ ᠤᠨ ᠪᠡᠯᠡ ᠮᠥᠩᠭᠦ ᠶᠢ ᠤᠯᠭᠤᠵᠤ ᠥᠭᠭᠦ ᠭᠥᠴᠥᠯᠡᠴᠡ ᠪᠠᠨ ᠨᠡᠮᠡᠭᠳᠡᠭᠦᠯᠥᠨ᠂ ᠤᠯᠭᠤᠨ | ᠥᠭᠭᠦᠭᠰᠡᠨ ᠨᠤᠷᠮ᠎ᠠ ᠶᠢ 45% ᠭᠥᠷᠭᠡᠪᠡ᠃ | ︵ᠲᠥᠷᠪᠡ︶ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠡᠳ᠋ ᠤᠨ ᠵᠠᠰᠠᠭ ᠤᠨ ᠪᠠᠶᠢᠭᠤᠯᠤᠮᠵᠢ ᠶᠢᠨ | ᠲᠤᠭᠳᠠᠴᠠ ᠶᠢ ᠤᠯᠠᠮ ᠲᠡᠭᠦᠯᠳᠡᠷᠵᠢᠭᠦᠯᠪᠡ᠃ ᠬᠠᠮᠢᠶᠠᠷᠤᠯᠳᠠᠳ ᠶᠢᠨ ᠠᠷᠭ᠎ᠠ ᠠᠪᠴᠠᠯ ᠢ ᠰᠢᠨᠡᠴᠢᠯᠡᠵᠥ᠂ ᠠᠵᠢᠯᠯᠠᠭ᠎ᠠ | ᠡᠮᠬᠢᠳᠡᠢ᠂ ᠬᠠᠮᠢᠶᠠᠷᠤᠯᠳᠠ ᠲᠥᠷᠢᠮᠵᠢᠯ ᠲᠠᠢ᠂ ᠭᠥᠯᠢᠶᠡᠰᠥᠯᠡᠯ ᠭᠥᠴᠥᠳᠡᠢ᠂ ᠰᠢᠨᠵᠢᠯᠡᠭᠦ ᠤᠬᠠᠭᠠᠨᠴᠢ ᠥᠨᠳᠥᠷ | ᠪᠥᠳᠥᠮᠵᠢ ᠲᠠᠢ ᠡᠳ᠋ ᠤᠨ ᠵᠠᠰᠠᠭ ᠤᠨ ᠬᠠᠮᠢᠶᠠᠷᠤᠯᠳᠠ ᠶᠢᠨ ᠲᠥᠷᠢᠮ ᠢ ᠢᠳᠡᠪᠬᠢᠯᠡᠨ ᠪᠠᠶᠢᠭᠤᠯᠪᠠ᠃ ᠤᠯᠠᠨ ᠨᠡᠶᠢᠳᠡ | ᠶᠢᠨ ᠲᠥᠰᠥᠪ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ᠂ ᠤᠯᠤᠰ ᠤᠨ ᠥᠮᠴᠢᠯᠡᠯᠳᠤ | ᠡᠳ᠋ ᠭᠥᠷᠥᠩᠭᠡ ᠶᠢᠨ ᠡᠵᠡᠩᠨᠡᠯᠳᠡ ᠶᠢᠨ ᠲᠥᠰᠥᠪ᠂ ᠨᠡᠶᠢᠭᠡᠮ ᠤᠨ ᠪᠠᠳᠤᠯᠠᠭ᠎ᠠ ᠶᠢᠨ ᠲᠥᠰᠥᠪ ᠤᠨ ᠲᠤᠭᠳᠠᠭᠠᠯᠳᠠ | ᠶᠢ ᠢᠳᠡᠪᠬᠢᠳᠡᠢ ᠯᠠᠪᠳᠠᠭᠤᠨ ᠠᠬᠢᠭᠤᠯᠵᠤ᠂ ᠲᠥᠰᠥᠪ ᠲᠤᠭᠳᠠᠭᠠᠯᠳᠠ ᠶᠢᠨ ᠰᠢᠨᠵᠢᠯᠡᠭᠦ ᠤᠬᠠᠭᠠᠨᠴᠢ ᠴᠢᠨᠠᠷ ᠪᠠ ᠵᠥᠢ | ᠵᠤᠬᠢᠰᠳᠤ ᠴᠢᠨᠠᠷ ᠵᠢᠴᠢ ᠪᠥᠳᠥᠮᠵᠢᠳᠤ ᠴᠢᠨᠠᠷ ᠢ ᠲᠡᠭᠡᠭᠰᠢᠯᠡᠭᠦᠯᠪᠡ︔ ᠤᠯᠤᠰ ᠤᠨ ᠭᠥᠮᠥᠷᠭᠡ ᠠᠴᠠ ᠲᠥᠪᠯᠡᠷᠡᠩᠭᠦᠢ | ᠤᠯᠭᠤᠬᠤ ᠥᠭᠡᠷᠡᠴᠢᠯᠡᠯᠳᠡ ᠶᠢ ᠲᠡᠭᠦᠯᠳᠡᠷᠵᠢᠭᠦᠯᠥᠨ᠂ ᠠᠯᠪᠠᠨ ᠺᠠᠷᠲ ᠢᠶᠠᠷ ᠲᠠᠰᠤᠯᠤᠨ ᠪᠤᠳᠤᠵᠤ ᠲᠠᠩᠰᠠ ᠲᠠᠶᠢᠯᠬᠤ | ᠭᠤᠷᠢᠮ ᠪᠠ ᠡᠳ᠋ ᠤᠨ ᠵᠠᠰᠠᠭ ᠤᠨ ᠬᠢᠨᠠᠨ ᠴᠤᠬᠤᠯᠠᠪᠤᠷᠢᠯᠠᠯ ᠤᠨ ᠲᠠᠷᠠᠭᠠᠯᠠᠯ ᠢ ᠤᠯᠠᠮ ᠲᠥᠷᠢᠮᠵᠢᠭᠦᠯᠵᠥ᠂ ᠡᠳ᠋ ᠤᠨ | ᠵᠠᠰᠠᠭ ᠤᠨ ᠪᠡᠯᠡ ᠮᠥᠩᠭᠦᠨ ᠤ ᠬᠠᠮᠢᠶᠠᠷᠤᠯᠳᠠ ᠡᠵᠡᠮᠳᠡᠯ ᠢ ᠡᠬᠢ ᠡᠭᠦᠰᠥᠯ ᠠᠴᠠ ᠨᠢ ᠴᠢᠩᠭᠠᠳᠬᠠᠪᠠ᠃ ︽ | ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠥᠷᠳᠡᠭ ᠤᠨ ᠭᠠᠶᠢᠯᠢ ᠪᠠᠷ ᠥᠭᠡᠷᠡᠴᠢᠯᠡᠭᠦ︾ ᠲᠤᠷᠰᠢᠯᠳᠠ ᠶᠢᠨ ᠴᠡᠭ ᠤᠨ | ᠠᠵᠢᠯ ᠢ ᠥᠷᠭᠦᠯᠵᠢᠯᠡᠨ ᠠᠬᠢᠭᠤᠯᠵᠤ᠂ ᠭᠠᠶᠢᠯᠢ ᠶᠢᠨ ᠶᠠᠪᠤᠳᠠᠯ ᠪᠤᠯᠤᠨ ᠨᠡᠶᠢᠭᠡᠮ ᠤᠨ ᠪᠠᠳᠤᠯᠠᠭ᠎ᠠ ᠪᠠᠷ ᠭᠤᠤᠯ | ᠠᠷᠭᠠᠠᠪᠴᠠᠯ ᠪᠤᠯᠭᠠᠭᠰᠠᠨ ᠲᠤᠬᠢᠷᠠᠭᠤᠯᠤᠯᠳᠠ ᠶᠢᠨ ᠲᠤᠭᠳᠠᠴᠠ ᠶᠢᠨ ᠥᠭᠡᠷᠡᠴᠢᠯᠡᠯᠳᠡ ᠶᠢ ᠳᠡᠬᠦᠯᠳᠡᠷᠵᠢᠬᠦᠯᠤᠨ᠂ | ᠪᠠᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠪᠠ ᠬᠤᠪᠢ ᠡᠵᠡᠩᠨᠡᠯᠳᠡ ᠶᠢᠨ ᠥᠢᠯᠡᠳᠪᠥᠷᠢ ᠬᠤᠳᠠᠯᠳᠤᠭᠠᠨ ᠤ | ᠡᠷᠥᠭᠡ ᠶᠢᠨ ᠡᠯ᠎ᠡ ᠲᠥᠷᠥᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠪᠥᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠥᠭᠵᠢᠯᠳᠡ ᠶᠢ ᠲᠡᠮᠵᠢᠨ ᠲᠥᠷᠭᠡᠳᠭᠡᠪᠡ᠃ ᠵᠠᠰᠠᠭ ᠤᠨ ᠤᠷᠳᠤᠨ ᠤ | ᠬᠤᠳᠠᠯᠳᠤᠨ ᠠᠪᠬᠤ ᠠᠵᠢᠯ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠵᠠᠰᠠᠭ ᠤᠨ ᠤᠷᠳᠤᠨ ᠤ ᠬᠤᠳᠠᠯᠳᠤᠨ | ᠠᠪᠬᠤ ᠬᠦᠷᠢᠶ᠎ᠠ ᠴᠠᠷᠠᠭ᠎ᠠ ᠪᠠ ᠬᠡᠪᠴᠢᠶᠡᠵᠢᠯ ᠢ ᠳᠠᠰᠤᠷᠠᠯᠳᠠ ᠦᠬᠡᠢ ᠦᠷᠬᠡᠤᠨᠬᠡᠵᠤ᠂ 2015 ᠤᠨ ᠳᠤ᠂ ᠵᠠᠰᠠᠭ | ᠤᠨ ᠤᠷᠳᠤᠨ ᠤ ᠬᠤᠳᠠᠯᠳᠤᠨ ᠠᠪᠬᠤ ᠬᠡᠪᠴᠢᠶᠡᠵᠢᠯ 8355.88 ᠲᠦᠮᠡᠨ ᠲᠦᠬᠦᠷᠢᠭ ᠬᠦᠷᠴᠤ᠂ 171.98 | ᠲᠦᠮᠡᠨ ᠲᠦᠬᠦᠷᠢᠭ ᠪᠡᠯᠡ ᠮᠦᠩᠬᠦ ᠠᠷᠪᠢᠯᠠᠵᠤ᠂ ᠪᠡᠯᠡ ᠮᠦᠩᠬᠦᠨ ᠠᠷᠪᠢᠯᠠᠯᠳᠠ ᠶᠢᠨ ᠨᠤᠷᠮ᠎ᠠ 2.06% ᠬᠦᠷᠪᠠ᠃ | | ︵ᠳᠠᠪᠤ︶ ᠡᠳ᠋ ᠤᠨ ᠬᠦᠴᠤᠨ ᠤ ᠳᠡᠮᠵᠢᠯᠬᠡ ᠶᠢ ᠴᠢᠷᠮᠠᠶᠢᠨ ᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ | ᠳᠠᠷᠤᠯᠳᠠ ᠶᠢ ᠪᠦᠳᠤᠮᠵᠢᠳᠠᠢ ᠪᠠᠭᠠᠰᠬᠠᠪᠠ᠃ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠶᠢ | ᠰᠠᠶᠢᠳᠤᠷ ᠰᠤᠳᠤᠯᠵᠤ᠂ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤᠯ ᠵᠦᠢᠯ ᠪᠠ ᠪᠡᠯᠡ ᠮᠦᠩᠬᠦᠨ ᠳᠡᠮᠵᠢᠯᠬᠡ | ᠶᠢ ᠴᠢᠷᠮᠠᠶᠢᠨ ᠤᠯᠵᠤ᠂ ᠳᠤᠰ ᠵᠢᠯ ᠳᠤ ᠳᠡᠬᠡᠳᠤ ᠱᠠᠳᠤᠨ ᠤ ᠡᠳ᠋ ᠤᠨ ᠵᠠᠰᠠᠭ ᠤᠨ ᠪᠡᠯᠡ ᠮᠦᠩᠬᠦ ᠶᠢ ᠨᠠᠶᠢᠳᠠ 15. | 99 ᠳ᠋ᠦᠩᠰᠢᠭᠤᠷ ᠲᠦᠬᠦᠷᠢᠭ ᠤᠯᠵᠤ᠂ ᠡᠬᠦᠨᠳᠤ ᠰᠢᠯᠵᠢᠬᠦᠯᠤᠨ ᠤᠯᠭᠤᠭᠰᠡᠨ ᠪᠡᠯᠡ ᠮᠦᠩᠬᠦ 1.83 ᠳ᠋ᠥᠩᠰᠢᠭᠤᠷ | ᠲᠦᠬᠦᠷᠢᠭ᠂ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢ 6.26 ᠳ᠋ᠥᠩᠰᠢᠭᠤᠷ ᠲᠥᠭᠦᠷᠢᠭ᠂ ᠲᠤᠰᠬᠠᠢ | ᠲᠥᠷᠥᠯ ᠤᠨ ᠪᠡᠯᠡ ᠮᠥᠩᠭᠦ ᠶᠢ 7.9 ᠳ᠋ᠥᠩᠰᠢᠭᠤᠷ ᠲᠥᠭᠦᠷᠢᠭ ︵ᠡᠭᠦᠨ ᠳᠤ ᠡᠳ᠋ ᠤᠨ ᠵᠠᠰᠠᠭ ᠤᠨ ᠰᠠᠯᠠᠭ᠎ᠠ | ᠮᠥᠴᠢᠷ ᠳᠠᠪᠠᠭᠤᠯᠢᠭ ᠲᠤ ᠪᠠᠨ ᠰᠠᠭᠤᠷᠢᠯᠠᠨ ᠲᠦᠪ ᠤᠨ ᠠᠯᠠᠰᠢᠨ ᠮᠠᠯ ᠳᠡᠵᠢᠬᠡᠨ ᠦᠷᠡᠵᠢᠬᠦᠯᠬᠦ ᠳᠤᠰᠬᠠᠢ ᠲᠦᠷᠤᠯ | ᠤᠨ ᠪᠡᠯᠡ ᠶᠢ 0.23 ᠳ᠋ᠥᠩᠰᠢᠭᠤᠷ ᠲᠥᠭᠦᠷᠢᠭ ᠤᠯᠵᠤ᠂ ᠤᠷᠳᠤᠰ ᠬᠤᠳᠠ ᠶᠢᠨ ᠮᠠᠯ ᠳᠠᠷᠢᠶᠠᠯᠠᠩ ᠤᠨ | ᠪᠦᠳᠤᠬᠡᠭᠳᠡᠬᠦᠨ ᠤ ᠡᠬᠢ ᠶᠢ ᠬᠡᠳᠡᠷᠬᠦ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠳᠠ ᠶᠢᠨ ᠲᠦᠷᠤᠯ ᠵᠦᠢᠯ ᠤᠨ ᠪᠡᠯᠡ | ᠮᠦᠩᠬᠦ 800 ᠲᠦᠮᠡᠨ ᠲᠦᠬᠦᠷᠢᠭ ᠤᠯᠪᠠ᠂ ᠡᠳ᠋ ᠤᠨ ᠵᠠᠰᠠᠭ ᠤᠨ ︽ᠨᠢᠬᠡ ᠬᠡᠷᠡᠭ ᠢ ᠨᠢᠬᠡ ᠵᠦᠪᠯᠡᠬᠦ︾ ᠱᠠᠩᠨᠠᠯ | ᠨᠦᠬᠦᠪᠤᠷᠢ ᠶᠢᠨ ᠲᠦᠷᠤᠯ ᠵᠦᠢᠯ 16᠂ ᠱᠠᠩᠨᠠᠯ ᠨᠦᠬᠦᠪᠤᠷᠢ ᠶᠢᠨ ᠪᠡᠯᠡ ᠮᠦᠩᠬᠦ 676 ᠲᠦᠮᠡᠨ ᠲᠦᠬᠦᠷᠢᠭ | ᠤᠯᠪᠠ︔ ᠨᠤᠳᠤᠭ ᠪᠡᠯᠴᠢᠬᠡᠷ ᠤᠨ ᠪᠠᠶᠢᠭᠤᠯᠤᠯᠳᠠ ᠶᠢᠨ ᠲᠦᠷᠤᠯ ᠵᠦᠢᠯ ᠤᠨ ᠪᠡᠯᠡ ᠮᠦᠩᠬᠦ 2768 ᠲᠦᠮᠡᠨ | ᠲᠦᠬᠦᠷᠢᠭ ᠤᠯᠵᠤ᠂ ᠠᠵᠤ ᠤᠶᠢᠯᠡᠰᠵᠢᠭᠰᠡᠨ ᠲᠦᠷᠤᠯ ᠵᠦᠢᠯ 6᠂ ᠪᠡᠯᠡ ᠮᠦᠩᠬᠦ 805 ᠲᠦᠮᠡᠨ ᠲᠦᠬᠦᠷᠢᠭ | ᠤᠯᠪᠠ︶᠃ ᠡᠳ᠋ ᠤᠨ ᠵᠠᠰᠠᠭ ᠤᠨ ᠪᠡᠯᠡ ᠮᠦᠩᠬᠦᠨ ᠭᠠᠴᠢᠭᠳᠠᠯ ᠢ ᠪᠦᠳᠤᠮᠵᠢᠳᠠᠢ ᠠᠶᠠᠷᠠᠭᠤᠯᠪᠠ᠃ | ᠲᠦᠯᠤᠬᠡᠯᠡᠭᠴᠢᠤᠨ ᠡ᠂ 2015 ᠤᠨ ᠤ ᠡᠳ᠋ ᠤᠨ ᠵᠠᠰᠠᠭ ᠤᠨ ᠲᠦᠰᠤᠪ ᠤᠨ ᠬᠡᠷᠡᠭᠵᠢᠬᠦᠯᠤᠯᠳᠠ ᠶᠢᠨ | ᠪᠠᠶᠢᠳᠠᠯ ᠶᠡᠷᠤᠩᠬᠡᠢ ᠳᠤ ᠪᠠᠨ ᠰᠠᠶᠢᠨ ᠪᠠᠶᠢᠵᠤ᠂ ᠤᠷᠤᠯᠭ᠎ᠠ ᠵᠠᠷᠤᠯᠭ᠎ᠠ ᠶᠢᠨ ᠬᠡᠪᠴᠢᠶᠡᠵᠢᠯ ᠤᠯᠠᠮ ᠨᠢᠬᠡ ᠠᠯᠬᠤᠮ | ᠦᠷᠬᠡᠤᠨᠴᠤ᠂ ᠡᠳ᠋ ᠤᠨ ᠵᠠᠰᠠᠭ ᠤᠨ ᠪᠠᠳᠤᠯᠠᠭ᠎ᠠ ᠶᠢᠨ ᠴᠢᠳᠠᠪᠤᠷᠢ ᠢᠯᠡᠤᠨᠳᠠ ᠳᠡᠬᠡᠭᠰᠢᠯᠡᠪᠠ᠃ ᠬᠡᠪᠡᠴᠤ ᠪᠢᠳᠠ ᠡᠳ᠋ | ᠤᠨ ᠵᠠᠰᠠᠭ ᠤᠨ ᠠᠵᠢᠯ ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠳᠠᠨᠢᠬᠤ ᠬᠡᠷᠡᠭᠲᠡᠢ᠄ ᠨᠢᠬᠡ ᠳᠤ | ᠂ ᠡᠳ᠋ ᠤᠨ ᠬᠦᠴᠤᠨ ᠪᠠ ᠪᠡᠯᠡ ᠮᠦᠩᠬᠦᠨ ᠤ ᠬᠤᠤᠰ ᠨᠦᠯᠤᠬᠡᠯᠡᠯ ᠢᠶᠠᠷ ᠭᠠᠵᠠᠷ ᠤᠷᠤᠨ ᠤ ᠡᠳ᠋ ᠤᠨ ᠵᠠᠰᠠᠭ ᠤᠨ | ᠤᠷᠤᠯᠭ᠎ᠠ ᠵᠠᠷᠤᠯᠭ᠎ᠠ ᠶᠢᠨ ᠵᠦᠷᠢᠴᠡᠯ ᠢᠯᠡᠤᠨᠳᠠ ᠳᠤᠪᠤᠶᠢᠮ᠎ᠠ᠂ ᠠᠷᠠᠤᠨ ᠤᠨ ᠠᠮᠢᠳᠤᠷᠠᠯ᠂ ᠦᠷᠢ ᠶᠢ ᠰᠢᠢᠤᠨᠪᠤᠷᠢᠯᠡᠬᠦ | ᠵᠡᠷᠬᠡ ᠪᠠᠳᠤᠯᠠᠭ᠎ᠠ ᠶᠢᠨ ᠬᠦᠴᠤᠯᠡᠴᠠ ᠶᠢ ᠶᠡᠬᠡᠤᠨᠬᠡᠬᠦ ᠴᠢᠬᠤᠯᠠᠳᠠᠢ︔ ᠬᠤᠶᠠᠷ ᠲᠤ᠂ ᠳᠡᠬᠡᠳᠤ ᠱᠠᠳᠤᠨ ᠤ ᠲᠦᠷᠤ | ᠶᠢᠨ ᠪᠤᠳᠤᠯᠭ᠎ᠠ᠂ ᠪᠡᠯᠡ ᠮᠦᠩᠬᠦ ᠶᠢ ᠤᠯᠬᠤ ᠬᠦᠴᠤᠯᠡᠴᠠ ᠳᠤᠳᠠᠮᠠᠭ᠂ ᠡᠳ᠋ ᠤᠨ ᠵᠠᠰᠠᠭ ᠤᠨ ᠴᠢᠳᠠᠪᠬᠢ ᠶᠢ | ᠪᠠᠳᠠᠷᠠᠭᠤᠯᠬᠤ᠂ ᠠᠵᠢᠯ ᠤᠨ ᠰᠤᠷᠳᠠᠯ ᠢ ᠠᠬᠢᠭᠤᠯᠬᠤ ᠳᠠᠯ᠎ᠠ ᠪᠠᠷ ᠤᠯᠠᠮ ᠨᠢᠬᠡ ᠠᠯᠬᠤᠮ ᠴᠢᠩᠭᠠᠤᠨᠬᠠᠬᠤ | ᠴᠢᠬᠤᠯᠠᠳᠠᠢ︔ ᠭᠤᠷᠪᠠ ᠳᠤ᠂ ᠬᠡᠰᠡᠭ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠯᠳᠠ ᠶᠢᠨ ᠪᠦᠳᠤᠮᠵᠢ | ᠦᠨᠳᠤᠷ ᠪᠤᠰᠤ᠂ ᠡᠳ᠋ ᠤᠨ ᠵᠠᠰᠠᠭ ᠤᠨ ᠪᠦᠳᠤᠮᠵᠢ ᠶᠢᠨ ᠦᠨᠡᠯᠡᠯᠳᠠ ᠪᠠ ᠪᠡᠯᠡ ᠤᠷᠤᠭᠤᠯᠤᠯᠳᠠ ᠶᠢᠨ ᠬᠢᠨᠠᠨ | ᠳᠤᠭᠳᠠᠭᠠᠯᠳᠠ ᠶᠢᠨ ᠠᠵᠢᠯ ᠢ ᠢᠳᠡᠪᠬᠢᠳᠠᠢ ᠠᠬᠢᠭᠤᠯᠬᠤ ᠴᠢᠬᠤᠯᠠᠳᠠᠢ᠃ | ᠬᠤᠶᠠᠷ᠂ 2016 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ︵ᠨᠢᠬᠡ︶ 2016 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ | ᠰᠠᠨᠠᠭ᠎ᠠ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠤᠨᠪᠤᠷᠢ ᠳᠤᠬᠢᠷᠠᠭᠤᠯᠭ᠎ᠠ ᠶᠢ ᠦᠨᠳᠤᠰᠤᠯᠡᠨ᠂ | ᠰᠢᠨ᠎ᠠ ︽ᠲᠦᠰᠤᠪ ᠤᠨ ᠬᠠᠤᠯᠢ︾ ᠶᠢ ᠴᠢᠩᠭ᠎ᠠ ᠬᠡᠷᠡᠭᠵᠢᠬᠦᠯᠵᠤ᠂ ︽ᠬᠦᠭᠵᠢᠯᠳᠠ ᠶᠢ ᠠᠬᠢᠭᠤᠯᠬᠤ᠂ ᠠᠷᠠᠤᠨ ᠤᠨ | ᠠᠮᠢᠳᠤᠷᠠᠯ ᠢ ᠪᠠᠳᠤᠯᠠᠬᠤ᠂ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ᠂ ᠬᠢᠨᠠᠯᠳᠠ ᠬᠠᠮᠢᠶᠠᠷᠤᠯᠳᠠ | ᠪᠠᠨ ᠴᠢᠩᠭᠠᠤᠨᠬᠠᠬᠤ︾ ᠡᠳ᠋ ᠤᠨ ᠶᠠᠪᠤᠳᠠᠯ ᠢ ᠬᠠᠮᠢᠶᠠᠷᠬᠤ ᠦᠵᠡᠯᠳᠠ ᠶᠢ ᠪᠠᠳᠤ ᠪᠠᠷᠢᠮᠳᠠᠯᠠᠵᠤ᠂ ᠡᠳ᠋ ᠤᠨ ᠵᠠᠰᠠᠭ | ᠤᠨ ᠴᠢᠳᠠᠪᠬᠢ ᠶᠢ ᠬᠦᠢᠴᠡᠤᠨ ᠪᠠᠳᠠᠷᠠᠭᠤᠯᠤᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠦᠳᠤᠴᠠ ᠶᠢ | ᠰᠢᠯᠢᠳᠡᠭᠵᠢᠬᠦᠯᠵᠤ᠂ ᠨᠠᠶᠢᠳᠠ ᠶᠢᠨ ᠡᠳ᠋ ᠤᠨ ᠵᠠᠰᠠᠭ ᠤᠨ ᠬᠠᠮᠢᠶᠠᠷᠤᠯᠳᠠ ᠶᠢᠨ ᠦᠬᠡᠷᠡᠴᠢᠯᠡᠯᠳᠠ ᠶᠢ | ᠬᠦᠨᠵᠡᠬᠡᠶᠢᠷᠡᠬᠦᠯᠤᠨ᠂ ᠲᠦᠰᠤᠪ ᠤᠨ ᠳᠤᠭᠳᠠᠭᠠᠯᠳᠠ ᠶᠢᠨ ᠰᠢᠰᠲ᠋ᠧᠮ ᠢ ᠳᠡᠬᠦᠯᠳᠡᠷᠵᠢᠬᠦᠯᠤᠨ᠎ᠠ᠃ ᠠᠷᠪᠢᠯᠠᠨ ᠭᠠᠮᠨᠠᠬᠤ | ᠬᠠᠮᠢᠶ᠎ᠠ ᠪᠦᠬᠦᠢ ᠲᠦᠷᠢᠮ ᠳᠤᠭᠳᠠᠭᠠᠯ ᠢ ᠴᠢᠩᠭ᠎ᠠ ᠬᠡᠷᠡᠭᠵᠢᠬᠦᠯᠵᠤ᠂ ᠲᠦᠰᠤᠪ ᠢ ᠴᠢᠩᠭ᠎ᠠ ᠪᠠᠷ ᠳᠤᠭᠳᠠᠭᠠᠵᠤ᠂ | ᠲᠦᠰᠤᠪ ᠤᠨ ᠪᠦᠳᠤᠮᠵᠢ ᠶᠢᠨ ᠬᠠᠮᠢᠶᠠᠷᠤᠯᠳᠠ ᠶᠢ ᠴᠢᠩᠭᠠᠤᠨᠬᠠᠨ᠂ ᠲᠦᠰᠤᠪ ᠤᠨ ᠬᠡᠷᠡᠭᠵᠢᠬᠦᠯᠤᠯᠳᠠ ᠶᠢ ᠠᠤᠨᠬᠤᠵᠤ | ᠂ ︽ᠳᠠᠪᠤ ᠶᠢ ᠴᠤᠭᠴᠠᠵᠢᠭᠤᠯᠬᠤ︾ ᠶᠡᠷᠤᠩᠬᠡᠢ ᠪᠠᠶᠢᠷᠢᠯᠠᠭᠤᠯᠤᠯᠳᠠ ᠪᠠ ︽ᠲᠦᠷᠪᠡᠨ ᠪᠦᠬᠦ ᠳᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠳᠤ ᠢᠳᠡᠪᠬᠢᠳᠠᠢ ᠤᠶᠢᠯᠡᠴᠢᠯᠡᠵᠤ᠂ ᠮᠠᠨ ᠤ ᠬᠤᠰᠢᠭᠤᠨ ᠤ ︽ | ᠠᠷᠪᠠᠨ ᠭᠤᠷᠪᠠᠳᠤᠭᠠᠷ ᠳᠠᠪᠤᠨ ᠵᠢᠯ︾ ᠤᠨ ᠭᠤᠴᠤ ᠡᠬᠢᠯᠡᠯ ᠳᠤ ᠢᠳᠡᠪᠬᠢᠳᠠᠢ ᠡᠳ᠋ ᠤᠨ ᠬᠦᠴᠤᠨ ᠤ ᠳᠡᠮᠵᠢᠯᠬᠡ | ᠬᠠᠩᠭᠠᠨ᠎ᠠ᠃ | ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠳᠠᠢ | ᠨᠢᠬᠡ ᠳᠤ ᠢᠳᠡᠪᠬᠢᠳᠠᠢ ᠯᠠᠪᠳᠠᠭᠤᠨ ᠢᠶᠠᠷ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ ᠤᠷᠤᠯᠭ᠎ᠠ ᠶᠢᠨ | ᠲᠦᠰᠤᠪ ᠢ ᠪᠦᠬᠦ ᠬᠤᠰᠢᠭᠤᠨ ᠤ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ᠂ ᠳᠤᠭᠳᠠᠮᠠᠯ | ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠭᠤᠤᠯ ᠬᠦᠭᠵᠢᠯᠳᠠ ᠶᠢᠨ ᠵᠢᠱᠢᠭᠰᠡᠨ ᠬᠠᠷᠠᠯᠳᠠ | ᠲᠠᠢ ᠵᠤᠬᠢᠴᠠᠭᠤᠯᠵᠤ᠂ ᠤᠯᠤᠰ ᠤᠨ ᠭᠠᠶᠢᠯᠢ ᠶᠢᠨ ᠲᠦᠷᠢᠮ ᠤᠨ ᠦᠬᠡᠷᠡᠴᠢᠯᠠᠯᠳᠠ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ᠂ ᠠᠵᠢᠯ ᠤᠶᠢᠯᠡᠰ᠂ ᠭᠠᠶᠢᠯᠢ ᠶᠢᠨ ᠲᠦᠷᠤᠯ ᠢ ᠦᠨᠳᠤᠰᠤᠯᠠᠨ ᠤᠷᠤᠯᠭ᠎ᠠ ᠪᠠ ᠡᠳ᠋ ᠤᠨ ᠬᠦᠴᠤᠨ | ᠢ ᠪᠤᠳᠠᠳᠠᠢ ᠲᠦᠰᠤᠪᠯᠡᠨᠠ᠃ ᠵᠠᠷᠤᠯᠭ᠎ᠠ ᠶᠢᠨ ᠲᠦᠰᠤᠪ ᠪᠠ ᠤᠷᠤᠯᠭ᠎ᠠ ᠶᠢᠨ ᠲᠦᠰᠤᠪ ᠢ ᠬᠠᠷᠢᠯᠴᠠᠨ | ᠬᠠᠷᠠᠭᠠᠯᠵᠠᠭᠤᠯᠵᠤ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ | ᠬᠤᠶᠠᠷ ᠲᠤ ᠠᠷᠪᠢᠯᠠᠨ ᠭᠠᠮᠨᠠᠵᠣ᠂ ᠭᠤᠣᠯᠳᠠᠯᠭᠤ ᠶᠢ ᠲᠣᠪᠣᠶᠢᠯᠭᠠᠨ᠎ᠠ᠃ ︽ᠴᠡᠯᠢᠭ ᠢ ᠪᠠᠳᠣᠯᠠᠬᠤ᠂ ᠡᠷᠬᠢᠯᠳᠠ | ᠶᠢ ᠪᠠᠳᠣᠯᠠᠬᠤ᠂ ᠦᠨᠳᠦᠰᠦᠨ ᠠᠷᠠᠳ ᠤᠨ ᠠᠮᠢᠳᠣᠷᠠᠯ ᠢ ᠪᠠᠳᠣᠯᠠᠬᠤ᠂ ᠡᠩ ᠤᠨ ᠵᠠᠷᠣᠯᠭ᠎ᠠ ᠶᠢ ᠪᠠᠭᠠᠰᠬᠠᠬᠤ︾ ᠶᠢ | ᠲᠣᠪᠣᠶᠢᠯᠭᠠᠨ᠎ᠠ᠃ ︽ᠭᠤᠷᠪᠠᠨ ᠠᠯᠪᠠᠨ︾ ᠵᠠᠷᠣᠳᠠᠯ᠂ ᠵᠠᠰᠠᠭ ᠵᠠᠬᠢᠷᠭᠠᠨ ᠤ ᠡᠷᠬᠢᠯᠳᠠ᠂ ᠵᠠᠰᠠᠭ ᠤᠨ ᠣᠷᠳᠣᠨ ᠠᠴᠠ | ᠪᠡᠯᠡ ᠣᠷᠣᠭᠤᠯᠣᠭᠰᠠᠨ ᠰᠠᠭᠤᠷᠢ ᠪᠠᠶᠢᠭᠤᠯᠣᠯᠳᠠ ᠵᠡᠷᠭᠡ ᠶᠢᠨ ᠡᠩ ᠤᠨ ᠵᠠᠷᠣᠯᠭ᠎ᠠ ᠶᠢ ᠡᠷᠴᠢᠮᠳᠠᠢ ᠪᠠᠭᠠᠰᠬᠠᠵᠣ᠂ | ᠬᠡᠯᠪᠡᠷᠢ ᠶᠢ ᠬᠤᠪᠢᠷᠠᠭᠤᠯᠣᠨ ᠬᠦᠭᠵᠢᠬᠦᠯᠬᠦ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠨᠡᠶᠢᠳᠡᠮ ᠪᠡᠶᠡᠯᠡᠭᠦᠯᠬᠦ | ︾᠂ ᠶᠠᠳᠠᠭᠤ ᠶᠢ ᠲᠡᠳᠬᠦᠬᠦ ᠵᠡᠷᠭᠡ ᠬᠤᠰᠢᠭᠤ ᠨᠠᠮ ᠵᠠᠰᠠᠭ ᠤᠨ ᠴᠢᠬᠤᠯᠠ ᠰᠢᠢᠳᠪᠦᠷᠢ ᠪᠠᠶᠢᠷᠢᠯᠠᠭᠤᠯᠤᠯᠳᠠ ᠶᠢ | ᠭᠤᠣᠯᠳᠠᠯᠭᠠᠳᠠᠢ ᠠᠳᠬᠤᠨ᠎ᠠ᠃ | ᠭᠤᠷᠪᠠ ᠳᠤ ᠰᠠᠬᠢᠯᠭ᠎ᠠ ᠪᠠᠳᠣ ᠶᠢ ᠴᠢᠩᠳᠡᠯᠡᠵᠤ᠂ ᠦᠷ᠎ᠡ ᠠᠰᠢᠭ ᠢ ᠲᠡᠭᠡᠭᠰᠢᠯᠡᠭᠦᠯᠦᠨ᠎ᠠ᠃ ᠡᠳ᠋ ᠤᠨ ᠵᠠᠰᠠᠭ | ᠠᠵᠣ ᠠᠬᠤᠢ ᠶᠢᠨ ᠰᠠᠬᠢᠯᠭ᠎ᠠ ᠶᠢ ᠣᠯᠠᠮ ᠴᠢᠩᠳᠡᠯᠡᠵᠤ᠂ ᠡᠳ᠋ ᠤᠨ ᠵᠠᠰᠠᠭ ᠤᠨ ᠲᠦᠰᠦᠪ ᠪᠠ ᠭᠦᠢᠴᠡᠳᠬᠡᠯ᠂ ᠡᠯ᠎ᠡ | ᠰᠠᠯᠠᠭ᠎ᠠ ᠮᠦᠴᠢᠷ ᠤᠨ ᠲᠦᠰᠦᠪ ᠪᠠ ᠭᠦᠢᠴᠡᠳᠬᠡᠯ᠂ ︽ᠭᠤᠷᠪᠠᠨ ᠠᠯᠪᠠᠨ︾ ᠵᠠᠷᠣᠳᠠᠯ ᠤᠨ ᠲᠦᠰᠦᠪ ᠪᠠ | ᠭᠦᠢᠴᠡᠳᠬᠡᠯ ᠢ ᠬᠠᠤᠯᠢ ᠲᠣᠭᠳᠠᠭᠠᠯ ᠶᠣᠰᠣᠭᠠᠷ ᠴᠠᠭ ᠲᠣᠬᠠᠢ ᠳᠤ ᠨᠢ ᠢᠯᠡᠰᠢᠭᠦᠯᠦᠨᠡ᠃ ᠡᠳ᠋ ᠤᠨ ᠵᠠᠰᠠᠭ ᠤᠨ | ᠪᠡᠯᠡ ᠮᠦᠩᠭᠦ ᠶᠢᠨ ᠨᠢᠭᠡᠳᠦᠯᠳᠡᠢ ᠲᠦᠯᠦᠪᠵᠢᠭᠦᠯᠦᠭᠰᠡᠨ ᠬᠡᠷᠡᠭᠯᠡᠯᠳᠠ ᠶᠢ ᠠᠬᠢᠭᠤᠯᠵᠣ᠂ ᠡᠳ᠋ ᠤᠨ ᠵᠠᠰᠠᠭ ᠤᠨ | ᠬᠠᠳᠠᠭᠠᠯᠠᠯᠳᠠ ᠪᠡᠯᠡ ᠮᠦᠩᠭᠦ ᠶᠢ ᠠᠮᠢᠳᠣᠯᠢᠭᠵᠢᠭᠤᠯᠵᠣ᠂ ᠡᠳ᠋ ᠤᠨ ᠵᠠᠰᠠᠭ ᠬᠠᠮᠢᠶᠠᠷᠣᠯᠳᠠ ᠶᠢᠨ ᠦᠷ᠎ᠡ ᠪᠦᠳᠦᠮᠵᠢ | ᠶᠢᠨ ᠶᠡᠷᠦᠩᠬᠡᠶᠢᠯᠡᠭᠰᠡᠨ ᠦᠨᠡᠯᠡᠯᠳᠠ ᠶᠢ ᠬᠡᠷᠡᠭᠵᠢᠭᠦᠯᠵᠣ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ ᠠᠰᠢᠭ ᠢ | ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ | ︵ᠭᠤᠷᠪᠠ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ | 2016 ᠣᠨ ᠳᠤ ᠲᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ ᠢ 17.3 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 8% ᠦᠰᠬᠡᠨ᠎ᠠ ︵ᠱᠠᠩᠬᠠᠢ | ᠶᠢᠨ ᠰᠦᠮ᠎ᠠ ᠨᠡᠬᠡᠬᠡᠯᠳᠠ ᠶᠢᠨ ᠤᠷᠤᠨ ᠤ 0.94 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠪᠠᠭᠳᠠᠭᠠᠨ᠎ᠠ︶᠂ | ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ ᠬᠤᠪᠢᠶᠠᠷᠢᠯᠠᠯ ᠤᠨ ᠤᠷᠤᠯᠭ᠎ᠠ ᠶᠢᠨ ᠲᠦᠷᠤᠯ ᠵᠦᠢᠯ ᠪᠤᠯ᠄ | ⑴ ᠭᠠᠶᠢᠯᠢ ᠶᠢᠨ ᠤᠷᠤᠯᠭ᠎ᠠ 12.3 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 54.39% ᠥᠰᠭᠡᠨ᠎ᠡ | ᠃ | ⑵ ᠭᠠᠶᠢᠯᠢ ᠶᠢᠨ ᠪᠤᠰᠤ ᠤᠷᠤᠯᠭ᠎ᠠ 5 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 37.77% | ᠪᠠᠭᠤᠷᠠᠭᠤᠯᠣᠨ᠎ᠠ᠃ | 2. ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠰᠢᠨ᠎ᠡ ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ | ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ 2016 ᠤᠨ ᠤ ᠪᠦᠬᠦ ᠬᠤᠰᠢᠭᠤᠨ ᠤ ᠨᠠᠶᠢᠳᠠ ᠶᠢᠨ ᠡᠳ᠋ ᠤᠨ | ᠵᠠᠰᠠᠭ ᠤᠨ ᠵᠠᠷᠤᠯᠭ᠎ᠠ ᠶᠢᠨ ᠲᠦᠰᠤᠪ ᠢ 28.36 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ | ᠳᠡᠬᠡᠷ᠎ᠠ ᠵᠢᠯ ᠠᠴᠠ 0.28% ᠦᠰᠬᠡᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.99 | ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠃ | ⑴ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ | ᠲᠦᠰᠤᠪ ᠢ 8.05 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 49. | 52% ᠥᠰᠭᠡᠨ᠎ᠡ︔ ᠠᠯᠪᠠᠨ ᠬᠡᠷᠡᠭᠯᠡᠬᠡᠨ ᠤ ᠪᠠ ᠠᠵᠢᠯ ᠥᠢᠯᠡᠰ ᠤᠨ ᠵᠠᠷᠤᠳᠠᠯ ᠤᠨ ᠵᠠᠷᠤᠯᠭ᠎ᠠ ᠶᠢᠨ ᠲᠦᠰᠤᠪ ᠢ | 3.59 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 20.47% ᠦᠰᠭᠡᠨ᠎ᠡ | ︔ ᠲᠦᠷᠤᠯ ᠵᠦᠢᠯ ᠤᠨ ᠵᠠᠷᠤᠯᠭ᠎ᠠ ᠶᠢᠨ ᠲᠦᠰᠤᠪ ᠢ 16.96 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠳᠡᠬᠡᠷ᠎ᠠ ᠵᠢᠯ ᠠᠴᠠ 9.01% ᠪᠠᠭᠤᠷᠠᠭᠤᠯᠤᠨ᠎ᠠ᠃ | ⑵ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ | ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 2.33 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 28.02% ᠥᠰᠭᠡᠨ᠎ᠡ᠃ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.97 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 8.99% ᠥᠰᠭᠡᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 3.36 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ | 42.98% ᠥᠰᠭᠡᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 700 ᠲᠥᠮᠡᠨ ᠲᠦᠬᠦᠷᠢᠭ᠂ ᠨᠢᠳᠥᠨᠥᠨ ᠤ ᠲᠥᠰᠥᠪ ᠠᠴᠠ | 40% ᠦᠰᠬᠡᠨ᠎ᠠ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.73 ᠳ᠋ᠦᠩᠰᠢᠭᠤᠷ ᠲᠦᠬᠦᠷᠢᠭ᠂ ᠨᠢᠳᠥᠨᠥᠨ | ᠤ ᠲᠥᠰᠥᠪ ᠠᠴᠠ 10.61% ᠥᠰᠭᠡᠨ᠎ᠡ︔ | 6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.75 ᠳ᠋ᠦᠩᠰᠢᠭᠤᠷ ᠲᠦᠬᠦᠷᠢᠭ᠂ | ᠨᠢᠳᠥᠨᠥᠨ ᠤ ᠲᠥᠰᠥᠪ ᠠᠴᠠ 12.9% ᠥᠰᠭᠡᠨ᠎ᠡ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 1.15 ᠳ᠋ᠦᠩᠰᠢᠭᠤᠷ | ᠲᠦᠬᠦᠷᠢᠭ᠂ ᠨᠢᠳᠥᠨᠥᠨ ᠤ ᠲᠥᠰᠥᠪ ᠠᠴᠠ40.24% ᠥᠰᠭᠡᠨ᠎ᠡ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 1.48 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 8.03% ᠦᠰᠬᠡᠨ᠎ᠠ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 1.24 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 34.78% ᠥᠰᠭᠡᠨ᠎ᠡ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 5.36 ᠳ᠋ᠦᠩᠰᠢᠭᠤᠷ ᠲᠦᠬᠦᠷᠢᠭ᠂ | ᠨᠢᠳᠥᠨᠥᠨ ᠤ ᠲᠥᠰᠥᠪ ᠠᠴᠠ1.9% ᠦᠰᠬᠡᠨ᠎ᠠ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.95 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ2.06% ᠪᠠᠭᠤᠷᠠᠭᠤᠯᠣᠨ᠎ᠠ︔ | 12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.16 ᠳ᠋ᠦᠩᠰᠢᠭᠤᠷ | ᠲᠦᠬᠦᠷᠢᠭ᠂ ᠨᠢᠳᠥᠨᠥᠨ ᠤ ᠲᠥᠰᠥᠪ ᠠᠴᠠ 6.67% ᠦᠰᠬᠡᠨ᠎ᠠ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 800 ᠲᠥᠮᠡᠨ ᠲᠦᠬᠦᠷᠢᠭ᠂ ᠨᠢᠳᠥᠨᠥᠨ ᠤ | ᠲᠥᠰᠥᠪ ᠠᠴᠠ 100% ᠥᠰᠭᠡᠨ᠎ᠡ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 600 ᠲᠥᠮᠨᠨ ᠲᠦᠬᠦᠷᠢᠭ᠂ ᠨᠢᠳᠥᠨᠥᠨ ᠤ | ᠲᠥᠰᠥᠪ ᠠᠴᠠ20% ᠥᠰᠭᠡᠨ᠎ᠡ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 1.07 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 30.49% ᠦᠰᠬᠡᠨ᠎ᠠ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 40 ᠲᠥᠮᠡᠨ ᠲᠦᠬᠦᠷᠢᠭ᠂ ᠨᠢᠳᠤᠨᠤᠨ ᠤ | ᠲᠦᠰᠣᠪ ᠠᠴᠠ 0.01% ᠥᠰᠭᠡᠨ᠎ᠡ︔ | 17︶ ᠪᠡᠯᠡᠤᠨᠬᠡᠯ ᠵᠠᠷᠤᠳᠠᠯ 0.3 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠬᠢ ᠲᠠᠢ | ᠲᠠᠩᠴᠡᠭᠦᠷᠢᠰᠢᠭᠦᠯᠥᠨᠡ︔ | 18︶ ᠪᠤᠰᠤᠤᠨ ᠵᠠᠷᠤᠯᠭ᠎ᠠ 7.26 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 17.12 | % ᠪᠠᠭᠤᠷᠠᠭᠤᠯᠣᠨ᠎ᠠ᠃ ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ ᠵᠠᠷᠤᠯᠭ᠎ᠠ 0.99 ᠳ᠋ᠥᠩᠰᠢᠭᠤᠷ | ᠲᠥᠭᠦᠷᠢᠭ︔ ᠮᠥᠩᠭᠦᠨ ᠭᠥᠢᠯᠭᠡᠭᠡᠨ ᠤ ᠵᠢᠭᠡᠯᠡᠯᠭᠡ ᠶᠢᠨ ᠡᠭᠡ ᠭᠥᠥ ᠶᠢᠨ ᠲᠥᠯᠥᠯᠳᠡ 1.52 ᠳ᠋ᠥᠩᠰᠢᠭᠤᠷ | ᠲᠥᠭᠦᠷᠢᠭ︔ ︽ᠠᠷᠪᠠ ᠶᠢ ᠨᠡᠶᠢᠳᠡᠮ ᠪᠡᠶᠡᠯᠡᠭᠦᠯᠭᠦ︾ ᠠᠵᠢᠯ ᠤᠨ ᠪᠠᠶᠢᠭᠤᠯᠤᠯᠳᠠ ᠶᠢᠨ ᠵᠠᠷᠤᠳᠠᠯ 1 ᠳ᠋ᠥᠩᠰᠢᠭᠤᠷ | ᠲᠥᠭᠦᠷᠢᠭ︔ ᠲᠡᠭᠡᠭᠰᠢ ᠲᠤᠰᠢᠶᠠᠬᠤ ᠵᠠᠷᠤᠯᠭ᠎ᠠ 0.63 ᠳ᠋ᠥᠩᠰᠢᠭᠤᠷ ᠲᠥᠭᠦᠷᠢᠭ︔ ᠠᠷᠠᠳ ᠢ ᠬᠠᠷᠠᠭᠠᠯᠵᠠᠬᠤ | ᠢᠨᠵᠧᠨᠧᠷᠢᠩ ᠲᠤ 0.36 ᠳ᠋ᠥᠩᠰᠢᠭᠤᠷ ᠲᠥᠭᠦᠷᠢᠭ︔ ᠰᠢᠨ᠎ᠡ ᠪᠠᠷ ᠡᠯᠰᠡᠭᠦ ᠠᠵᠢᠯᠳᠠᠳ ᠤᠨ ᠴᠠᠯᠢᠩ᠂ ᠲᠤᠰᠢᠶᠠᠯ | ᠲᠡᠰ ᠤᠨ ᠲᠤᠬᠢᠷᠠᠭᠤᠯᠭ᠎ᠠ᠂ ᠨᠠᠰᠤᠵᠢᠯ ᠤᠨ ᠲᠠᠭᠠᠳᠬᠠᠯ ᠤᠨ ᠥᠢᠯᠡᠰ᠂ ᠠᠯᠪᠠᠨ ᠲᠡᠷᠭᠡᠨ ᠤ ᠥᠭᠡᠷᠡᠴᠢᠯᠡᠯᠳᠡ ᠪᠠ | ᠭᠡᠷ ᠪᠠᠶᠢᠰᠢᠩ ᠤᠨ ᠥᠭᠡᠷᠡᠴᠢᠯᠡᠯᠳᠡ ᠶᠢᠨ ᠨᠥᠭᠦᠪᠥᠷᠢ 1.47 ᠳ᠋ᠥᠩᠰᠢᠭᠤᠷ ᠲᠥᠭᠦᠷᠢᠭ︔ ᠬᠤᠷᠠᠯ ᠤᠨ ᠵᠠᠷᠤᠯᠭ᠎ᠠ᠂ | ᠪᠤᠯᠪᠠᠰᠤᠷᠠᠯ ᠤᠨ ᠵᠠᠷᠤᠯᠭ᠎ᠠ᠂ ᠵᠠᠮ ᠤᠨ ᠵᠠᠷᠤᠳᠠᠯ᠂ ᠰᠡᠯᠪᠢᠯᠳᠡ ᠶᠢᠨ ᠵᠠᠷᠤᠳᠠᠯ᠂ ᠵᠠᠰᠠᠭ ᠤᠨ ᠤᠷᠳᠤᠨ ᠤ | ᠬᠤᠳᠠᠯᠳᠤᠨ ᠠᠪᠬᠤ ᠠᠵᠢᠯ᠂ ᠨᠡᠶᠢᠳᠡ ᠶᠢᠨ ᠥᠢᠯᠡᠴᠢᠯᠡᠭᠡᠨ ᠤ ᠠᠵᠢᠯ ᠤᠨ ᠵᠠᠷᠤᠳᠠᠯ ᠵᠡᠷᠭᠡ 1.08 ᠳ᠋ᠥᠩᠰᠢᠭᠤᠷ | ᠲᠥᠭᠦᠷᠢᠭ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠲᠥᠭᠦᠷ ᠵᠠᠷᠤᠳᠠᠯ 0.12 | ᠳ᠋ᠥᠩᠰᠢᠭᠤᠷ ᠲᠥᠭᠦᠷᠢᠭ ᠢ ᠪᠠᠭᠳᠠᠭᠠᠨ᠎ᠠ᠃ | ⑶ ᠤᠯᠠᠨ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠥᠰᠥᠪ ᠤᠨ | ᠲᠡᠩᠴᠡᠭᠦᠷᠢᠰᠢᠭᠦᠯᠥᠯᠳᠡ ᠶᠢᠨ ᠪᠠᠶᠢᠳᠠᠯ | 2016 ᠤᠨ ᠳᠤ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠥᠰᠥᠪ ᠢ 28.6 ᠳ᠋ᠥᠩᠰᠢᠭᠤᠷ | ᠲᠥᠭᠦᠷᠢᠭ ᠢᠶᠠᠷ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠥᠰᠥᠪ ᠢ 28.36 | ᠳ᠋ᠥᠩᠰᠢᠭᠤᠷ ᠲᠥᠭᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ 0.24 ᠳ᠋ᠥᠩᠰᠢᠭᠤᠷ ᠲᠥᠭᠦᠷᠢᠭ ᠥᠯᠡᠳᠡᠪᠥᠷᠢ ᠲᠠᠢ | ᠪᠤᠯᠭᠠᠨ᠎ᠠ᠃ | ︵ᠲᠦᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ ᠢ ︽ᠤᠷᠤᠯᠭ᠎ᠠ ᠪᠠᠷ ᠵᠠᠷᠤᠯᠭ᠎ᠠ ᠶᠢ | ᠳᠤᠭᠳᠠᠭᠠᠬᠤ᠂ ᠳᠤᠰᠬᠠᠢ ᠵᠤᠭᠤᠰ ᠢ ᠳᠤᠰᠬᠠᠢ ᠬᠡᠷᠡᠭᠯᠡᠬᠦ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠬᠦ︾ ᠵᠠᠷᠴᠢᠮ | ᠢ ᠦᠨᠳᠤᠰᠤᠯᠡᠨ ᠳᠤᠭᠳᠠᠭᠠᠨ᠎ᠠ᠃ | 1. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ | 2016 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 2.64 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ30.69% | ᠦᠰᠭᠡᠨ᠎ᠡ᠃ ᠡᠬᠦᠨ ᠳᠤ᠂ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ | ᠤᠷᠤᠯᠭ᠎ᠠ 2.32 ᠳ᠋ᠦᠩᠰᠢᠭᠤᠷ ᠲᠦᠬᠦᠷᠢᠭ᠂ 100% ᠦᠰᠬᠡᠨ᠎ᠠ︔ ᠲᠡᠭᠡᠷ᠎ᠡ ᠵᠢᠯ ᠤᠨ ᠦᠯᠡᠳᠡᠪᠤᠷᠢ ︵ | ᠲᠣᠰᠬᠠᠢ ᠲᠦᠷᠦᠯ︶ 0.32 ᠳ᠋ᠦᠩᠰᠢᠭᠤᠷ ᠲᠦᠬᠦᠷᠢᠭ᠃ | 2. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ | 2016 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 2.59 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 28.22% | ᠦᠰᠭᠡᠨ᠎ᠡ᠃ | 3. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤᠷᠤᠯᠭ᠎ᠠ ᠵᠠᠷᠤᠯᠭ᠎ᠠ ᠶᠢᠨ ᠲᠥᠰᠥᠪ ᠤᠨ | ᠲᠡᠩᠴᠡᠭᠦᠷᠢᠰᠢᠭᠦᠯᠥᠯᠳᠡ ᠶᠢᠨ ᠪᠠᠶᠢᠳᠠᠯ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ ᠢ | ᠲᠡᠩᠴᠡᠭᠦᠷᠢᠰᠢᠭᠦᠯᠵᠥ᠂ 0.05 ᠳ᠋ᠥᠩᠰᠢᠭᠤᠷ ᠲᠥᠭᠦᠷᠢᠭ ᠥᠯᠡᠳᠡᠪᠥᠷᠢ ᠲᠠᠢ ᠪᠤᠯᠭᠠᠨ᠎ᠠ᠃ | ︵ᠲᠠᠪᠤ︶ ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ | ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ ᠬᠡᠳᠡᠭ ᠨᠢ ᠵᠠᠰᠠᠭ ᠤᠨ ᠤᠷᠳᠤᠨ | ᠦᠮᠴᠢᠯᠡᠭᠴᠢ ᠶᠢᠨ ᠬᠤᠪᠢ ᠪᠠᠷ ᠤᠯᠤᠰ ᠤᠨ ᠦᠮᠴᠢᠯᠠᠯᠳᠤ ᠬᠦᠷᠤᠩᠬᠡ ᠶᠢᠨ ᠠᠰᠢᠭ ᠤᠷᠤᠯᠭ᠎ᠠ ᠶᠢ ᠬᠠᠤᠯᠢ | ᠶᠤᠰᠤᠭᠠᠷ ᠤᠯᠬᠤ ᠮᠦᠷᠳᠡᠬᠡᠨ ᠤᠯᠤᠭᠰᠡᠨ ᠢᠶᠠᠨ ᠬᠤᠪᠢᠶᠠᠷᠢᠯᠠᠬᠤ ᠳᠤ ᠡᠬᠦᠰᠦᠭᠰᠡᠨ ᠡᠯ᠎ᠡ ᠵᠦᠢᠯ ᠤᠨ ᠤᠷᠤᠯᠭ᠎ᠠ | ᠵᠠᠷᠤᠯᠭ᠎ᠠ ᠶᠢᠨ ᠲᠦᠰᠤᠪ ᠢ ᠵᠢᠭᠠᠵᠤ ᠪᠤᠢ᠃ ᠲᠦᠰᠤᠪ ᠤᠨ ᠤᠷᠤᠯᠭ᠎ᠠ ᠳᠤ ᠤᠯᠤᠰ ᠤᠨ ᠪᠡᠯᠡ ᠤᠷᠤᠭᠤᠯᠤᠭᠰᠡᠨ | ᠠᠵᠤ ᠠᠬᠤᠶᠢᠯᠠᠯ ᠠᠴᠠ ᠬᠤᠪᠢᠳᠠᠵᠤ ᠤᠯᠤᠭᠰᠡᠨ ᠠᠰᠢᠭ ᠤᠷᠤᠯᠭ᠎ᠠ᠂ ᠤᠯᠤᠰ ᠤᠨ ᠦᠮᠴᠢᠯᠠᠯᠳᠤ ᠬᠦᠷᠤᠩᠬᠡ ᠶᠢ | ᠰᠢᠯᠵᠢᠬᠦᠯᠦᠭᠰᠡᠨ ᠤᠷᠤᠯᠭ᠎ᠠ᠂ ᠤᠯᠤᠰ ᠤᠨ ᠪᠡᠯᠡ ᠤᠷᠤᠭᠤᠯᠤᠭᠰᠡᠨ ᠠᠵᠤ ᠠᠬᠤᠶᠢᠯᠠᠯ ᠠᠴᠠ ᠢᠯᠭᠠᠷᠠᠭᠤᠯᠤᠨ | ᠪᠤᠳᠤᠭᠰᠡᠨ ᠤᠷᠤᠯᠭ᠎ᠠ ᠪᠠᠭᠳᠠᠨ᠎ᠠ᠃ ᠰᠢᠨ᠎ᠠ ︽ᠲᠦᠰᠣᠪ ᠤᠨ ᠬᠠᠤᠯᠢ︾ ᠶᠢᠨ ᠱᠠᠭᠠᠷᠳᠠᠯᠭ᠎ᠠ ᠶᠤᠰᠤᠭᠠᠷ | ᠬᠤᠶᠢᠰᠢᠳᠠ ᠮᠠᠨ ᠤ ᠬᠤᠰᠢᠭᠤ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠳᠤᠰᠢᠶᠠᠭᠰᠡᠨ ᠠᠰᠢᠭ | ᠬᠤᠨᠵᠢᠪᠤᠷᠢ᠂ ᠤᠯᠤᠰ ᠤᠨ ᠦᠮᠴᠢᠯᠠᠯᠳᠤ ᠬᠦᠷᠤᠩᠬᠡ ᠶᠢ ᠰᠢᠯᠵᠢᠬᠦᠯᠦᠭᠰᠡᠨ ᠤᠷᠤᠯᠭ᠎ᠠ᠂ ᠪᠡᠯᠡ ᠭᠠᠷᠭᠠᠭᠰᠡᠨ ᠠᠵᠤ | ᠠᠬᠤᠶᠢᠯᠠᠯ ᠠᠴᠠ ᠢᠯᠭᠠᠷᠠᠭᠤᠯᠤᠨ ᠪᠤᠳᠤᠭᠰᠡᠨ ᠤᠷᠤᠯᠭ᠎ᠠ ᠶᠢᠨ ᠪᠠᠶᠢᠳᠠᠯ ᠢ ᠦᠨᠳᠤᠰᠤᠯᠠᠨ ᠴᠠᠭ ᠳᠤᠬᠠᠢ ᠳᠤ ᠨᠢ | ᠳᠤᠭᠳᠠᠭᠠᠨ᠎ᠠ᠃ | ︵ᠵᠢᠷᠭᠤᠭ᠎ᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠲᠦᠰᠤᠪ | 2016 ᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠵᠠᠷᠣᠯᠭ᠎ᠠ ᠶᠢᠨ ᠲᠦᠰᠤᠪ ᠢ | 1.71 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 10.47% | ᠪᠠᠭᠤᠷᠠᠭᠤᠯᠤᠨ᠎ᠠ᠃ ᠡᠬᠦᠨ ᠳᠤ᠂ ᠨᠠᠰᠤᠵᠢᠯ ᠤᠨ ᠳᠠᠭᠠᠤᠨᠬᠠᠯ 1.13 ᠳ᠋ᠦᠩᠰᠢᠭᠤᠷ ᠲᠦᠬᠦᠷᠢᠭ᠂ 11.02% | ᠪᠠᠭᠤᠷᠠᠭᠤᠯᠤᠨ᠎ᠠ︔ ᠠᠵᠢᠯ ᠠᠯᠳᠠᠭᠰᠠᠤᠨ ᠤᠨ ᠳᠠᠭᠠᠤᠨᠬᠠᠯ 700 ᠲᠥᠮᠡᠨ ᠲᠦᠬᠦᠷᠢᠭ᠂ 22.22% | ᠪᠠᠭᠤᠷᠠᠭᠤᠯᠤᠨ᠎ᠠ︔ ᠡᠮ ᠡᠮᠨᠡᠯᠬᠡ ᠶᠢᠨ ᠳᠠᠭᠠᠤᠨᠬᠠᠯ 0.45 ᠳ᠋ᠦᠩᠰᠢᠭᠤᠷ ᠲᠦᠬᠦᠷᠢᠭ᠂ 2.17% | ᠪᠠᠭᠤᠷᠠᠭᠤᠯᠤᠨ᠎ᠠ︔ ᠠᠵᠢᠯ ᠤᠨ ᠬᠡᠮᠳᠤᠯ ᠤᠨ ᠳᠠᠭᠠᠤᠨᠬᠠᠯ 300 ᠲᠥᠮᠡᠨ ᠲᠦᠬᠦᠷᠢᠭ᠂ 50% ᠪᠠᠭᠤᠷᠠᠭᠤᠯᠤᠨ᠎ᠠ︔ | ᠬᠦᠩᠬᠡᠵᠢᠯ ᠤᠨ ᠳᠠᠭᠠᠤᠨᠬᠠᠯ 300 ᠲᠥᠮᠡᠨ ᠲᠦᠬᠦᠷᠢᠭ᠂ ᠲᠡᠭᠡᠷ᠎ᠡ ᠵᠢᠯ ᠲᠠᠢ ᠠᠳᠠᠯᠢ ᠪᠠᠶᠢᠯᠭᠠᠨ᠎ᠠ᠃ | ᠭᠤᠷᠪᠠ᠂ 2016 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ | 2016 ᠣᠨ ᠪᠣᠯ ︽ᠠᠷᠪᠠᠨ ᠭᠤᠷᠪᠠᠳᠦᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠳᠠ ᠶᠢᠨ | ᠵᠢᠯ ᠪᠣᠯᠣᠨ᠎ᠠ᠂ ᠡᠳ᠋ ᠤᠨ ᠵᠠᠰᠠᠭ ᠤᠨ ᠠᠵᠣ ᠠᠬᠤᠢ ᠶᠢᠨ ᠪᠠᠶᠢᠳᠠᠯ ᠮᠦᠨ ᠯᠡ ᠪᠣᠳᠣᠯᠢᠶᠠᠨᠳᠠᠢ ᠪᠠᠶᠢᠨ᠎ᠠ᠃ ᠰᠢᠨ᠎ᠡ | ᠪᠠᠶᠢᠳᠠᠯ᠂ ᠰᠢᠨ᠎ᠠ ᠱᠠᠭᠠᠷᠳᠠᠯᠭ᠎ᠠ ᠳᠤ ᠬᠠᠨᠳᠣᠭᠤᠯᠪᠠᠯ᠂ ᠪᠦᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠤᠨ | ᠭᠤᠤᠯ ᠰᠡᠳᠬᠢᠮᠵᠢ ᠪᠣᠯ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠣᠳᠦᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ ᠪᠣᠯᠣᠨ ᠰᠢᠨ᠎ᠠ ︽ᠲᠦᠰᠦᠪ ᠤᠨ ᠬᠠᠣᠯᠢ︾ ᠶᠢᠨ ᠱᠠᠭᠠᠷᠳᠠᠯᠭ᠎ᠠ ᠶᠢ ᠭᠦᠨᠵᠡᠭᠡᠢ ᠲᠣᠣᠱᠯᠠᠭᠤᠯᠵᠣ᠂ | ᠯᠠᠪᠳᠠᠭᠤᠨ ᠢᠶᠠᠷ ᠣᠷᠣᠭᠰᠢᠯᠠᠬᠤ ᠶᠢ ᠪᠠᠷᠢᠮᠳᠠᠯᠠᠨ᠂ ᠠᠵᠣ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠲᠤ | ᠰᠠᠨᠠᠭᠠᠴᠢᠯᠭ᠎ᠠ ᠲᠠᠢ ᠵᠣᠬᠢᠴᠠᠨ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠡᠪᠦᠷᠢᠵᠢᠭᠤᠯᠵᠣ | ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢᠨ ᠲᠣᠭᠳᠠᠭᠤᠨ ᠨᠡᠮᠡᠭᠳᠡᠯ᠂ ᠪᠦᠳᠦᠴᠠ ᠶᠢᠨ | ᠲᠣᠬᠢᠷᠠᠭᠤᠯᠣᠯᠳᠠ᠂ ᠦᠭᠡᠷᠡᠴᠢᠯᠡᠯᠳᠠ ᠶᠢ ᠠᠬᠢᠭᠤᠯᠬᠤ ᠣᠶᠢᠯᠠᠳᠣᠯ ᠢ ᠬᠦᠢᠴᠡᠳ ᠪᠠᠳᠠᠷᠠᠭᠤᠯᠵᠣ᠂ ᠲᠡᠭᠡᠳᠦ | ᠲᠣᠣᠷᠠᠳᠦ ᠱᠠᠳᠣ ᠬᠠᠮᠳᠦ ᠬᠦᠳᠡᠯᠤᠯᠴᠠᠨ ᠣᠯᠠᠨ ᠠᠷᠭ᠎ᠠ ᠠᠪᠴᠠᠯ ᠢᠶᠠᠷ ᠪᠦᠬᠦ ᠵᠢᠯ ᠤᠨ ᠲᠦᠰᠦᠪ ᠤᠨ ᠡᠭᠦᠷᠬᠡ ᠪᠠᠨ | ᠠᠮᠵᠢᠯᠳᠠ ᠲᠠᠢ ᠪᠡᠶᠡᠯᠡᠭᠦᠯᠬᠦ ᠶᠢ ᠪᠠᠳᠣᠯᠠᠨ᠎ᠠ᠃ | ︵ᠨᠢᠭᠡ︶ ᠡᠳ᠋ ᠤᠨ ᠵᠠᠰᠠᠭ ᠤᠨ ᠣᠷᠣᠯᠭ᠎ᠠ ᠶᠢᠨ ᠴᠢᠨᠠᠷᠵᠢᠯ ᠢ ᠴᠢᠬᠤᠯᠠᠴᠢᠯᠠᠨ᠂ ᠣᠷᠣᠨ ᠨᠣᠳᠤᠭ ᠤᠨ ᠡᠳ᠋ | ᠤᠨ ᠵᠠᠰᠠᠭ ᠤᠨ ᠪᠣᠳᠠᠳᠦ ᠬᠦᠴᠦᠨ ᠢ ᠴᠢᠩᠭᠠᠳᠬᠠᠨ᠎ᠠ᠃ ᠣᠷᠣᠯᠭ᠎ᠠ ᠶᠢᠨ ᠬᠠᠮᠢᠶᠠᠷᠣᠯᠳᠠ ᠶᠢ ᠡᠳ᠋ ᠤᠨ ᠵᠠᠰᠠᠭ | ᠭᠠᠶᠢᠯᠢ ᠶᠢᠨ ᠠᠵᠢᠯ ᠤᠨ ᠲᠡᠷᠢᠬᠦᠨ ᠴᠢᠬᠤᠯᠠ ᠶᠠᠪᠣᠳᠠᠯ ᠪᠣᠯᠭᠠᠵᠣ᠂ ᠲᠠᠳᠠᠪᠤᠷᠢᠯᠠᠯᠳᠠ ᠬᠠᠮᠢᠶᠠᠷᠤᠯᠳᠠ ᠶᠢ | ᠴᠢᠩᠭᠠᠳᠬᠠᠵᠣ᠂ ᠤᠷᠤᠯᠭ᠎ᠠ ᠶᠢᠨ ᠨᠡᠮᠡᠭᠳᠡᠯ ᠤᠨ ᠵᠠᠮ ᠮᠦᠷ ᠢ ᠦᠷᠭᠡᠳᠬᠡᠵᠣ᠂ ᠠᠷᠭ᠎ᠠ ᠪᠦᠬᠦᠨ ᠢ ᠰᠦᠪᠡᠭᠴᠢᠯᠡᠨ | ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢ ᠪᠠᠳᠣᠯᠠᠨ᠎ᠠ᠃ ᠣᠷᠣᠯᠭ᠎ᠠ ᠶᠢᠨ ᠲᠠᠳᠠᠪᠦᠷᠢᠯᠠᠯᠳᠠ ᠬᠠᠮᠢᠶᠠᠷᠣᠯᠳᠠ ᠶᠢ | ᠴᠢᠩᠭᠠᠳᠬᠠᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠳᠠᠯ ᠤᠨ ᠵᠠᠳᠠᠯᠣᠯᠳᠠ ᠶᠢ ᠴᠢᠩᠭᠠᠳᠬᠠᠵᠣ᠂ ᠭᠤᠣᠯᠳᠠᠯᠭᠠᠳᠦ | ᠲᠦᠷᠦᠯ ᠵᠣᠶᠢᠯ ᠪᠣᠯᠣᠨ ᠭᠠᠶᠢᠯᠢ ᠶᠢᠨ ᠡᠬᠢ ᠶᠢᠨ ᠬᠢᠨᠠᠨ ᠡᠵᠡᠮᠰᠢᠯ᠂ ᠲᠠᠷᠬᠠᠢ ᠪᠣᠳᠠᠷᠬᠠᠢ ᠭᠠᠶᠢᠯᠢ ᠶᠢᠨ ᠡᠬᠢ ᠪᠣᠯᠣᠨ | ᠲᠣᠮᠳᠠ ᠪᠠᠭ᠎ᠠ ᠭᠠᠶᠢᠯᠢ ᠶᠢᠨ ᠲᠦᠷᠦᠯ ᠤᠨ ᠲᠠᠳᠠᠪᠦᠷᠢᠯᠠᠯᠳᠠ ᠬᠠᠮᠢᠶᠠᠷᠣᠯᠳᠠ ᠶᠢ ᠲᠣᠪᠣᠶᠢᠯᠭᠠᠨ ᠠᠳᠬᠤᠵᠣ᠂ ᠭᠠᠶᠢᠯᠢ | ᠶᠢᠨ ᠪᠣᠰᠣ ᠣᠷᠣᠯᠭ᠎ᠠ ᠶᠢᠨ ᠲᠠᠳᠠᠪᠦᠷᠢᠯᠠᠯᠳᠠ ᠬᠠᠮᠢᠶᠠᠷᠣᠯᠳᠠ ᠶᠢ ᠴᠢᠩᠭᠠᠳᠬᠠᠵᠣ᠂ ᠬᠠᠣᠯᠢ ᠶᠣᠰᠣᠭᠠᠷ ᠭᠠᠶᠢᠯᠢ | ᠲᠠᠳᠠᠪᠦᠷᠢᠯᠠᠬᠤ᠂ ᠡᠷᠭᠡ ᠲᠡᠭᠰᠢ ᠪᠠᠷ ᠭᠠᠶᠢᠯᠢ ᠲᠠᠳᠠᠪᠦᠷᠢᠯᠠᠬᠤ᠂ ᠲᠠᠳᠠᠪᠦᠷᠢᠯᠠᠪᠠᠰᠦ ᠵᠣᠬᠢᠬᠤ ᠴᠦᠮ ᠲᠠᠳᠠᠪᠦᠷᠢᠯᠠᠬᠤ ᠶᠢ | ᠠᠬᠢᠭᠤᠯᠣᠨ᠎ᠠ᠃ ᠣᠷᠣᠯᠭ᠎ᠠ ᠶᠢᠨ ᠨᠡᠮᠡᠭᠳᠡᠯ ᠤᠨ ᠵᠠᠮ ᠮᠦᠷ ᠢ ᠦᠷᠬᠡᠳᠬᠡᠨ᠎ᠠ᠃ ᠡᠳ᠋ ᠤᠨ ᠵᠠᠰᠠᠭ ᠤᠨ ᠲᠦᠷᠦ ᠶᠢᠨ | ᠪᠣᠳᠣᠯᠭ᠎ᠠ᠂ ᠲᠦᠷᠥᠯ ᠵᠣᠶᠢᠯ᠂ ᠪᠡᠯᠡ ᠮᠦᠩᠭᠦ ᠣᠯᠬᠤ ᠠᠵᠢᠯ ᠢ ᠢᠳᠡᠪᠬᠢᠳᠡᠢ ᠬᠢᠵᠣ᠂ ᠵᠠᠰᠠᠭ ᠤᠨ ᠣᠷᠳᠣᠨ ᠤ | ᠴᠢᠨᠠᠷᠳᠠᠢ ᠡᠯ᠎ᠡ ᠵᠣᠶᠢᠯ ᠤᠨ ᠬᠦᠷᠦᠩᠭᠡ ᠶᠢᠨ ᠰᠣᠷᠪᠣᠯᠵᠢ ᠶᠢ ᠠᠮᠢᠳᠣᠯᠢᠭᠵᠢᠭᠤᠯᠵᠣ᠂ ᠵᠠᠰᠠᠭ ᠤᠨ ᠣᠷᠳᠣᠨ ᠤ | ᠴᠢᠨᠠᠷᠳᠠᠢ ᠦᠷᠢ ᠦᠭᠴᠡᠭᠡ ᠶᠢ ᠪᠦᠬᠦ ᠲᠠᠯ᠎ᠠ ᠪᠠᠷ ᠰᠢᠢᠳᠪᠦᠷᠢᠯᠠᠵᠣ᠂ ᠣᠯᠠᠨ ᠵᠠᠮ ᠮᠦᠷ᠂ ᠬᠦᠨ ᠲᠠᠪᠬᠤᠷᠭ᠎ᠠ ᠪᠠᠷ | ᠵᠠᠰᠠᠭ ᠤᠨ ᠣᠷᠳᠣᠨ ᠤ ᠡᠳ᠋ ᠤᠨ ᠬᠦᠴᠦᠨ ᠢ ᠨᠡᠮᠡᠭᠳᠡᠬᠦᠯᠵᠣ᠂ ᠣᠷᠣᠯᠭ᠎ᠠ ᠶᠢᠨ ᠬᠡᠪᠴᠢᠶᠡᠵᠢᠯ᠂ ᠨᠡᠮᠡᠭᠳᠡᠯ ᠤᠨ | ᠬᠤᠷᠳᠣᠴᠠ᠂ ᠬᠡᠷᠡᠭᠯᠡᠵᠣ ᠪᠣᠯᠬᠤ ᠡᠳ᠋ ᠤᠨ ᠬᠦᠴᠦᠨ ᠤ ᠵᠣᠬᠢᠴᠠᠩᠭᠤᠢ ᠬᠦᠭᠵᠢᠯᠳᠠ ᠶᠢᠨ ᠠᠬᠢᠭᠤᠯᠣᠨ᠎ᠠ᠃ | ︵ᠬᠤᠶᠠᠷ︶ ᠣᠷᠣᠭᠤᠯᠣᠯᠳᠠ ᠪᠠᠨ ᠨᠡᠮᠡᠭᠳᠡᠭᠦᠯᠵᠣ᠂ ᠡᠩ ᠲᠡᠷᠢᠬᠦᠨ ᠳᠤ ᠠᠷᠠᠳ ᠤᠨ ᠠᠮᠢᠳᠣᠷᠠᠯ ᠢ ᠪᠠᠳᠣᠯᠠᠨ | ᠰᠠᠶᠢᠵᠢᠷᠠᠭᠤᠯᠣᠨ᠎ᠠ᠃ ︽ᠦᠨᠳᠦᠰᠦ ᠶᠢ ᠪᠠᠳᠣᠯᠠᠬᠤ᠂ ᠨᠠᠭᠠᠳᠦ ᠵᠠᠬ᠎ᠠ ᠶᠢ ᠪᠠᠳᠣᠯᠠᠬᠤ᠂ ᠡᠷᠬᠡ ᠲᠡᠭᠰᠢ ᠠᠬᠢᠭᠤᠯᠬᠤ︾ | ᠶᠢ ᠴᠢᠬᠤᠯᠠᠴᠢᠯᠠᠵᠣ᠂ ᠠᠷᠠᠳ ᠤᠨ ᠠᠮᠢᠳᠣᠷᠠᠯ ᠤᠨ ᠪᠠᠳᠣᠯᠠᠨ ᠰᠠᠶᠢᠵᠢᠷᠠᠭᠤᠯᠬᠤ ᠪᠡᠯᠡ ᠮᠦᠩᠭᠦ ᠶᠢ ᠴᠦᠮ | ᠲᠦᠰᠦᠪ ᠲᠤ ᠣᠷᠣᠭᠤᠯᠣᠨ᠎ᠠ᠃ ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ᠂ | ᠰᠣᠷᠭᠠᠨ ᠬᠦᠮᠦᠵᠢᠯ᠂ ᠰᠢᠨᠵᠢᠯᠡᠭᠡ ᠮᠡᠷᠭᠡᠵᠢᠯ᠂ ᠰᠣᠶᠣᠯ᠂ ᠡᠮ ᠡᠮᠨᠡᠯᠭᠡ ᠡᠷᠡᠬᠦᠯ ᠬᠠᠮᠠᠭᠠᠯᠠᠯ᠂ ᠨᠡᠶᠢᠭᠡᠮ ᠤᠨ | ᠲᠣᠰᠠᠯᠠᠮᠵᠢ ᠵᠡᠷᠭᠡ ᠠᠷᠠᠳ ᠤᠨ ᠪᠡᠯᠡ ᠮᠦᠩᠭᠦᠨ ᠤ ᠤᠷᠤᠭᠤᠯᠤᠯᠳᠠ ᠪᠠᠨ ᠨᠡᠮᠡᠭᠳᠡᠬᠦᠯᠵᠣ ᠪᠦᠳᠦᠮᠵᠢᠳᠠᠢ ᠠᠷᠭ᠎ᠠ | ᠠᠪᠴᠠᠯ ᠢᠶᠠᠷ ᠨᠡᠶᠢᠭᠡᠮ ᠤᠨ ᠪᠠᠳᠣᠯᠠᠭ᠎ᠠ ᠶᠢᠨ ᠰᠢᠰᠧᠲᠮ ᠢ ᠲᠡᠭᠦᠯᠳᠡᠷᠵᠢᠭᠦᠯᠵᠣ᠂ ᠨᠡᠶᠢᠭᠡᠮ ᠤᠨ ᠪᠠᠳᠣᠯᠠᠭ᠎ᠠ ᠶᠢᠨ | ᠡᠯ᠎ᠡ ᠲᠦᠷᠦᠯ ᠤᠨ ᠲᠦᠷᠢᠮ ᠢ ᠴᠢᠩᠭ᠎ᠠ ᠬᠡᠷᠡᠭᠵᠢᠭᠦᠯᠵᠣ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ | ᠦᠭᠡᠷᠡᠴᠢᠯᠡᠯᠳᠠ ᠪᠣᠯᠣᠨ ᠡᠮ ᠡᠮᠨᠡᠯᠭᠡ ᠶᠢᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠣ | ᠂ ᠨᠡᠶᠢᠭᠡᠮ ᠤᠨ ᠲᠣᠰᠠᠯᠠᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠲᠣᠣᠷ᠎ᠠ ᠪᠠᠳᠣᠯᠠᠭ᠎ᠠ᠂ ᠨᠠᠰᠣᠵᠢᠯ᠂ ᠡᠮ | ᠡᠮᠨᠡᠯᠭᠡ ᠵᠡᠷᠭᠡ ᠶᠢᠨ ᠪᠠᠳᠣᠯᠠᠭ᠎ᠠ ᠶᠢᠨ ᠪᠠᠷᠢᠮᠵᠢᠶ᠎ᠠ ᠶᠢ ᠠᠵᠣ ᠠᠬᠤᠢ ᠶᠢᠨ ᠬᠦᠭᠵᠢᠯᠳᠠ ᠲᠠᠢ ᠵᠣᠬᠢᠴᠠᠭᠤᠯᠣᠨ | ᠠᠬᠢᠭᠤᠯᠵᠣ᠂ ᠨᠡᠶᠢᠭᠡᠮ ᠤᠨ ᠪᠠᠳᠣᠯᠠᠭ᠎ᠠ ᠶᠢᠨ ᠦᠷᠬᠦᠯᠵᠢᠬᠦᠶᠢᠴᠡ ᠴᠢᠨᠠᠷ ᠢ ᠪᠠᠳᠣᠯᠠᠨ᠎ᠠ᠃ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ᠂ ᠲᠣᠣᠷ᠎ᠠ ᠪᠠᠳᠣᠯᠠᠭ᠎ᠠ᠂ ᠲᠣᠯᠠᠭᠠᠯᠭ᠎ᠠ ᠶᠢᠨ ᠨᠦᠬᠦᠪᠦᠷᠢ | ᠵᠡᠷᠬᠡ ᠪᠠᠳᠣᠯᠠᠭ᠎ᠠ ᠶᠢᠨ ᠴᠢᠨᠡᠷᠳᠠᠢ ᠪᠡᠯᠡ ᠮᠦᠩᠭᠦ ᠪᠣᠯᠣᠨ ᠮᠠᠯᠴᠢᠨ ᠲᠠᠷᠢᠶᠠᠴᠢᠳ ᠤᠨ ᠰᠢᠭᠤᠳ ᠨᠦᠬᠦᠪᠦᠷᠢ ᠵᠢᠴᠢ | ᠮᠠᠯ ᠲᠠᠷᠢᠶᠠᠯᠠᠩ ᠢ ᠲᠣᠰᠠᠯᠠᠬᠤ ᠡᠯ᠎ᠡ ᠲᠦᠷᠦᠯ ᠤᠨ ᠨᠦᠬᠦᠪᠦᠷᠢ ᠣᠯᠭᠤᠬᠤ ᠠᠵᠢᠯ ᠢ ᠴᠢᠩᠭᠠᠳᠬᠠᠵᠣ᠂ ᠮᠠᠯ | ᠲᠠᠷᠢᠶᠠᠯᠠᠩ ᠢ ᠲᠣᠰᠠᠯᠠᠬᠤ ᠨᠦᠬᠦᠪᠦᠷᠢ ᠪᠡᠯᠡ ᠮᠦᠩᠭᠦ ᠶᠢᠨ ︽ᠨᠢᠭᠡ ᠺᠠᠷᠲ ᠪᠠᠷ ᠣᠯᠭᠤᠬᠤ︾ ᠲᠦᠷᠢᠮ ᠤᠨ | ᠦᠭᠡᠷᠡᠴᠢᠯᠡᠯᠳᠠ ᠶᠢ ᠲᠡᠬᠦᠯᠳᠡᠷᠵᠢᠭᠦᠯᠦᠨᠡ᠃ ᠮᠠᠯ ᠲᠠᠷᠢᠶᠠᠯᠠᠩ ᠢ ᠲᠣᠰᠠᠯᠠᠬᠤ ᠲᠦᠷᠦ ᠶᠢᠨ ᠪᠣᠳᠣᠯᠭ᠎ᠠ ᠶᠢᠨ | ᠪᠠᠳᠣᠯᠠᠭ᠎ᠠ ᠶᠢ ᠪᠣᠳᠠᠳᠠᠶᠢᠴᠢᠯᠠᠵᠣ᠂ ᠣᠳᠣ ᠦᠶ᠎ᠡ ᠶᠢᠨ ᠮᠠᠯ ᠲᠠᠷᠢᠶᠠᠯᠠᠩ ᠤᠨ ᠬᠦᠭᠵᠢᠯᠳᠠ ᠶᠢ ᠲᠡᠮᠵᠢᠨ᠂ ︽ᠠᠷᠪᠠ | ᠶᠢ ᠨᠡᠶᠢᠳᠡᠮ ᠪᠡᠶᠡᠯᠡᠬᠦᠯᠬᠦ︾ ᠢᠨᠵᠧᠨᠧᠷᠢᠩ ᠤᠨ ᠣᠷᠣᠭᠤᠯᠣᠯᠳᠠ ᠶᠢ ᠨᠡᠮᠡᠭᠳᠡᠬᠦᠯᠵᠣ᠂ ᠬᠤᠳᠠ ᠬᠦᠳᠡᠭᠡ ᠶᠢᠨ | ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ︽ᠦᠭᠭᠢᠶᠡᠮᠦᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ | ᠰᠠᠶᠢᠬᠠᠨ ᠡᠮᠦᠨᠡᠳᠦ ᠣᠳᠤᠭ︾ ᠤᠨ ᠪᠠᠶᠢᠭᠤᠯᠣᠯᠳᠠ ᠶᠢ ᠭᠦᠨᠵᠡᠭᠡᠢ ᠠᠬᠢᠭᠤᠯᠵᠣ᠂ ᠪᠦᠬᠦ ᠬᠤᠰᠢᠭᠤᠨ ᠤ ᠨᠡᠶᠢᠳᠡ | ᠶᠢᠨ ᠣᠶᠢᠯᠠᠴᠢᠯᠡᠭᠡᠨ ᠤ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠠ᠃ | ︵ᠭᠤᠷᠪᠠ︶ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠵᠣ᠂ ᠡᠳ᠋ ᠤᠨ ᠵᠠᠰᠠᠭ ᠤᠨ ᠪᠠᠳᠣᠯᠠᠭ᠎ᠠ ᠶᠢᠨ | ᠴᠢᠳᠡᠪᠦᠷᠢ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠠ᠃ ︽ᠲᠦᠷᠪᠠ ᠶᠢ ᠪᠠᠳᠣᠯᠠᠵᠣ ᠬᠤᠶᠠᠷ ᠢ ᠪᠠᠭᠠᠰᠬᠠᠬᠤ︾ | ᠵᠠᠷᠴᠢᠮ ᠢ ᠪᠠᠷᠢᠮᠳᠠᠯᠠᠵᠣ᠂ ᠡᠷᠬᠢᠯᠳᠠ᠂ ᠠᠷᠠᠳ ᠤᠨ ᠠᠮᠢᠳᠣᠷᠠᠯ᠂ ᠦᠷᠢ ᠦᠭᠴᠡᠭᠡ ᠶᠢᠨ ᠰᠢᠢᠳᠪᠦᠷᠢᠯᠡᠯᠳᠠ᠂ | ᠭᠤᠣᠯᠳᠠᠯᠭᠠᠳᠦ ᠦᠷᠭᠦᠯᠵᠢᠯᠡᠨ ᠪᠠᠶᠢᠭᠤᠯᠬᠤ ᠲᠦᠷᠦᠯ. ᠵᠣᠶᠢᠯ ᠢ ᠭᠤᠣᠯᠳᠠᠯᠭ᠎ᠠ ᠲᠠᠢ ᠪᠠᠳᠣᠯᠠᠨ᠎ᠠ᠃ ᠨᠢᠭᠡ ᠳᠤ | ᠪᠠᠶᠢᠭᠤᠯᠣᠮᠵᠢ ᠶᠢᠨ ᠡᠷᠬᠢᠯᠳᠠ ᠶᠢ ᠪᠠᠳᠣᠯᠠᠨ᠎ᠠ᠃ ᠡᠳ᠋ ᠤᠨ ᠵᠠᠰᠠᠭ ᠤᠨ ᠵᠠᠷᠣᠯᠭ᠎ᠠ ᠶᠢᠨ ᠪᠦᠳᠦᠴᠠ ᠶᠢ ᠲᠠᠰᠣᠷᠠᠯᠳᠠ | ᠦᠭᠡᠢ ᠰᠢᠯᠢᠳᠡᠭᠵᠢᠭᠦᠯᠦᠨ᠂ ᠠᠯᠪᠠᠨ ᠪᠠᠶᠢᠭᠤᠯᠭ᠎ᠠ ᠠᠵᠢᠯ ᠣᠶᠢᠯᠠᠰ ᠤᠨ ᠨᠢᠭᠡᠴᠡ ᠶᠢᠨ ᠠᠵᠢᠯᠳᠠᠨ ᠤ ᠴᠡᠯᠢᠭ ᠪᠣᠯᠣᠨ | ᠪᠠᠶᠢᠭᠤᠯᠣᠮᠵᠢ ᠶᠢᠨ ᠡᠷᠬᠢᠯᠳᠠ ᠶᠢ ᠭᠤᠣᠯᠳᠠᠯᠭ᠎ᠠ ᠲᠠᠢ ᠪᠠᠳᠣᠯᠠᠨ᠎ᠠ᠃ ᠬᠤᠶᠠᠷ ᠲᠤ ᠵᠠᠰᠠᠭ ᠤᠨ ᠣᠷᠳᠣᠨ ᠤ ᠦᠷᠢ | ᠦᠭᠴᠡᠭᠡ ᠶᠢᠨ ᠬᠠᠮᠢᠶᠠᠷᠣᠯᠳᠠ᠂ ᠰᠢᠢᠳᠪᠦᠷᠢᠯᠡᠯᠳᠠ ᠶᠢ ᠴᠢᠩᠭ᠎ᠠ ᠠᠳᠬᠤᠨ᠎ᠠ᠃ ᠵᠠᠰᠠᠭ ᠤᠨ ᠣᠷᠳᠣᠨ ᠤ ᠦᠷᠢ | ᠦᠭᠴᠡᠭᠡ ᠶᠢᠨ ᠬᠠᠮᠢᠶᠠᠷᠣᠯᠳᠠ ᠶᠢᠨ ᠠᠷᠭ᠎ᠠ ᠶᠢ ᠲᠡᠭᠦᠯᠳᠡᠷᠵᠢᠭᠦᠯᠵᠣ᠂ ᠵᠠᠰᠠᠭ ᠤᠨ ᠣᠷᠳᠣᠨ ᠤ ᠦᠷᠢ ᠦᠭᠴᠡᠭᠡᠨ ᠤ | ᠲᠥᠭᠰᠢᠭᠦᠷᠢ ᠶᠢ ᠴᠢᠩᠭ᠎ᠠ ᠬᠢᠵᠠᠭᠠᠷᠯᠠᠵᠣ᠂ ᠲᠦᠰᠦᠪ ᠤᠨ ᠲᠣᠭᠢᠷᠠᠭᠤᠯᠭ᠎ᠠ᠂ ᠰᠣᠯᠡ ᠪᠠᠶᠢᠬᠤ ᠬᠦᠷᠦᠩᠭᠡ ᠬᠤᠭᠰᠢᠯ ᠢ | ᠠᠮᠢᠳᠣᠯᠢᠭᠵᠢᠭᠤᠯᠬᠤ ᠪᠠᠷ ᠲᠠᠮᠵᠢᠭᠤᠯᠣᠨ᠂ ᠣᠯᠠᠨ ᠵᠠᠮ ᠮᠦᠷ ᠠᠷᠭ᠎ᠠ ᠪᠠᠷᠢᠯ ᠢᠶᠠᠷ ᠪᠡᠯᠡ ᠮᠦᠩᠭᠦ ᠬᠤᠷᠠᠮᠳᠣᠭᠤᠯᠵᠣ᠂ | ᠦᠷᠢ ᠦᠭᠴᠡᠭᠡ ᠶᠢ ᠢᠳᠡᠪᠬᠢᠳᠠᠢ ᠰᠢᠢᠳᠪᠦᠷᠢᠯᠠᠨ᠎ᠠ᠃ ᠭᠤᠷᠪᠠ ᠳᠤ ᠠᠷᠪᠢᠯᠠᠨ ᠭᠠᠮᠨᠠᠬᠤ ᠪᠠᠨ ᠴᠢᠩᠭᠠᠳᠬᠠᠨ᠎ᠠ᠃ | ᠲᠦᠰᠦᠪ ᠤᠨ ᠬᠢᠵᠠᠭᠠᠷᠯᠠᠯ ᠢ ᠴᠢᠩᠭᠠᠷᠠᠭᠤᠯᠵᠣ᠂ ᠲᠦᠰᠦᠪ᠂ ᠬᠡᠷᠡᠭᠯᠡᠬᠦ ᠲᠥᠯᠥᠪᠯᠡᠭᠡ᠂ ᠲᠦᠷᠦᠯ ᠵᠣᠶᠢᠯ ᠤᠨ | ᠠᠬᠢᠴᠠ᠂ ᠬᠠᠮᠢᠶ᠎ᠠ ᠪᠦᠬᠦᠢ ᠭᠡᠷ᠎ᠡ ᠪᠣᠯᠣᠨ ᠶᠠᠪᠣᠴᠠ ᠲᠣᠭᠳᠠᠭᠠᠯ ᠶᠣᠰᠣᠭᠠᠷ ᠪᠡᠯᠡ ᠮᠦᠩᠭᠦ ᠪᠠᠭᠤᠯᠭᠠᠬᠤ ᠶᠢ ᠴᠢᠩᠭ᠎ᠠ | ᠵᠢᠷᠣᠮᠯᠠᠵᠣ᠂ ︽ᠭᠤᠷᠪᠠᠨ ᠠᠯᠪᠠᠨ︾ ᠵᠠᠷᠣᠳᠠᠯ ᠪᠣᠯᠣᠨ ᠡᠩ ᠤᠨ ᠵᠠᠷᠣᠯᠭ᠎ᠠ ᠶᠢ ᠴᠢᠩᠭ᠎ᠠ ᠬᠢᠵᠠᠭᠠᠷᠯᠠᠨ᠎ᠠ᠃ ︽ | ᠠᠷᠪᠢᠯᠠᠬᠤ︾ ᠬᠢᠬᠡᠳ ︽ᠡᠷᠴᠢᠮᠵᠢᠭᠦᠯᠬᠦ︾ ᠶᠢ ᠬᠠᠮᠳᠦ ᠴᠢᠬᠤᠯᠠᠴᠢᠯᠠᠵᠣ᠂ ᠨᠢᠭᠡ ᠲᠠᠯ᠎ᠠ ᠪᠠᠷ ︽ᠪᠣᠷᠣ ᠬᠤᠨᠤᠭ︾ | ᠦᠩᠭᠡᠷᠡᠭᠡᠵᠣ᠂ ᠠᠷᠪᠢᠴᠢ ᠭᠠᠮᠲᠠᠢ ᠪᠠᠷ ᠣᠴᠢᠷ ᠪᠦᠳᠦᠭᠡᠵᠣ᠂ ᠨᠦᠬᠦᠭᠡ ᠲᠠᠯ᠎ᠠ ᠪᠠᠷ ᠡᠳ᠋ ᠤᠨ ᠵᠠᠰᠠᠭ ᠤᠨ | ᠬᠠᠳᠠᠭᠠᠯᠠᠯᠳᠠ ᠪᠡᠯᠡ ᠮᠦᠩᠭᠦ ᠶᠢ ᠢᠳᠡᠪᠬᠢᠳᠡᠢ ᠠᠮᠢᠳᠤᠯᠢᠭᠵᠢᠭᠤᠯᠵᠤ᠂ ᠪᠡᠯᠡ ᠮᠦᠩᠭᠦᠨ ᠤ ᠬᠡᠷᠡᠭᠯᠡᠭᠡᠨ ᠤ ᠦᠷ᠎ᠡ | ᠠᠰᠢᠭ ᠢ ᠲᠡᠭᠡᠭᠰᠢᠯᠡᠬᠦᠯᠦᠨ᠎ᠠ᠃ | ︵ᠲᠦᠷᠪᠠ︶ ᠡᠳ᠋ ᠤᠨ ᠵᠠᠰᠠᠭ ᠤᠨ ᠪᠠᠶᠢᠭᠤᠯᠣᠮᠵᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠬᠦᠯᠵᠣ᠂ | ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠬᠦᠯᠦᠨ᠎ᠡ᠃ ᠲᠦᠯᠦᠪᠵᠢᠭᠦᠯᠦᠨ ᠰᠦᠪᠡᠭᠴᠢᠯᠡᠬᠦ ᠶᠢ ᠪᠠᠷᠢᠮᠳᠠᠯᠠᠨ ᠡᠳ᠋ | ᠤᠨ ᠵᠠᠰᠠᠭ ᠭᠠᠶᠢᠯᠢ ᠶᠢᠨ ᠪᠠᠶᠢᠭᠤᠯᠣᠮᠵᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠬᠦᠯᠵᠣ᠂ ᠲᠦᠷᠢᠮ ᠲᠣᠭᠳᠠᠭᠠᠯᠳᠠ | ᠶᠢ ᠲᠦᠷᠭᠡᠳᠬᠡᠵᠣ᠂ ᠡᠳ᠋ ᠤᠨ ᠵᠠᠰᠠᠭ ᠤᠨ ᠬᠦᠭᠵᠢᠯᠳᠠ ᠶᠢᠨ ᠬᠦᠳᠡᠯᠬᠡᠭᠦ ᠬᠦᠴᠦᠨ ᠢ ᠨᠡᠮᠡᠭᠳᠡᠬᠦᠯᠵᠣ᠂ ᠬᠠᠣᠯᠢ | ᠶᠣᠰᠣᠭᠠᠷ ᠲᠦᠰᠦᠪ ᠤᠨ ᠬᠠᠮᠢᠶᠠᠷᠣᠯᠳᠠ ᠪᠠᠨ ᠴᠢᠩᠭᠠᠳᠬᠠᠨ᠎ᠠ᠃ ᠰᠢᠨ᠎ᠠ ︽ᠲᠦᠰᠦᠪ ᠤᠨ ᠬᠠᠣᠯᠢ︾ ᠶᠢᠨ | ᠱᠠᠭᠠᠷᠳᠠᠯᠭ᠎ᠠ ᠶᠣᠰᠣᠭᠠᠷ ᠪᠦᠬᠦ ᠲᠠᠯ᠎ᠠ ᠪᠠᠷ ᠲᠦᠷᠢᠮᠵᠢᠭᠰᠡᠨ᠂ ᠢᠯᠡ ᠲᠣᠳᠣᠷᠬᠠᠢ ᠲᠦᠰᠦᠪ ᠤᠨ ᠲᠦᠷᠢᠮ ᠢ | ᠬᠡᠷᠡᠭᠵᠢᠭᠦᠯᠦᠨ᠂ ᠬᠠᠷᠢᠭᠤ ᠲᠣᠰᠬᠠᠬᠤ ᠲᠣᠭᠳᠠᠴᠠ ᠪᠠᠶᠢᠭᠤᠯᠣᠨ᠂ ᠨᠠᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ | ᠣᠬᠠᠮᠰᠠᠷ ᠠᠴᠠ ᠬᠦᠯᠢᠶᠡᠵᠣ᠂ ᠡᠳ᠋ ᠤᠨ ᠵᠠᠰᠠᠭ ᠤᠨ ᠴᠢᠳᠡᠪᠬᠢ ᠣᠶᠢᠯᠠᠳᠣᠯ ᠢ ᠬᠦᠢᠴᠡᠳ ᠪᠠᠳᠠᠷᠠᠭᠤᠯᠣᠨ᠂ ᠪᠡᠯᠡ | ᠮᠦᠩᠭᠦᠨ ᠤ ᠬᠡᠷᠡᠭᠯᠡᠭᠡᠨ ᠤ ᠦᠷ᠎ᠡ ᠠᠰᠢᠭ ᠢ ᠲᠡᠭᠡᠭᠰᠢᠯᠡᠬᠦᠯᠦᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ | ᠲᠦᠰᠦᠪ ᠤᠨ ᠭᠦᠢᠴᠡᠳᠬᠡᠯ ᠤᠨ ᠪᠠᠶᠢᠴᠠᠭᠠᠯᠳᠠ ᠵᠠᠳᠠᠯᠣᠯᠳᠠ ᠦᠷᠨᠢᠭᠦᠯᠵᠣ᠂ ᠣᠷᠣᠰᠢᠵᠣ ᠪᠠᠶᠢᠭ᠎ᠠ ᠠᠰᠠᠭᠤᠳᠠᠯ ᠢ | ᠴᠠᠭ ᠲᠣᠬᠠᠢ ᠳᠤ ᠨᠢ ᠰᠢᠢᠳᠪᠦᠷᠢᠯᠠᠵᠣ᠂ ᠲᠦᠰᠦᠪ ᠤᠨ ᠭᠡᠷᠡᠭᠵᠢᠭᠦᠯᠥᠯᠳᠡ ᠶᠢᠨ ᠦᠷ᠎ᠡ ᠪᠦᠳᠦᠮᠵᠢ ᠶᠢ ᠪᠠᠳᠣᠯᠠᠨ᠎ᠠ᠃ | ᠤᠯᠤᠰ ᠤᠨ ᠭᠥᠮᠥᠷᠭᠡ ᠠᠴᠠ ᠲᠥᠪᠯᠡᠷᠡᠩᠭᠦᠢ ᠭᠠᠷᠭᠠᠬᠤ ᠲᠦᠷᠢᠮ᠂ ᠵᠠᠰᠠᠭ ᠤᠨ ᠤᠷᠳᠤᠨ ᠠᠴᠠ ᠬᠤᠳᠠᠯᠳᠤᠨ | ᠠᠪᠬᠤ ᠬᠠᠮᠢᠶᠠᠷᠣᠯᠳᠠ ᠬᠢᠨᠠᠯᠳᠠ ᠶᠢᠨ ᠰᠢᠰᠲ᠋ᠧᠮ᠂ ᠵᠠᠰᠠᠭ ᠵᠠᠬᠢᠷᠭ᠎ᠠ ᠠᠵᠢᠯ ᠣᠶᠢᠯᠠᠰ ᠤᠨ ᠨᠢᠭᠡᠴᠡ ᠶᠢᠨ ᠣᠯᠣᠰ | ᠤᠨ ᠦᠮᠴᠢᠯᠡᠯᠳᠦ ᠬᠦᠷᠦᠩᠭᠡ ᠶᠢᠨ ᠬᠠᠮᠢᠶᠠᠷᠣᠯᠳᠠ ᠪᠣᠯᠣᠨ ᠭᠠᠶᠢᠯᠢ ᠶᠢᠨ ᠪᠣᠰᠣ ᠣᠷᠣᠯᠭ᠎ᠠ ᠶᠢᠨ ᠬᠠᠮᠢᠶᠠᠷᠣᠯᠳᠠ ᠶᠢᠨ | ᠲᠦᠷᠢᠮ ᠢ ᠤᠯᠠᠮ ᠲᠡᠭᠦᠯᠳᠡᠷᠵᠢᠭᠦᠯᠵᠣ᠂ ᠡᠳ᠋ ᠤᠨ ᠵᠠᠰᠠᠭ ᠤᠨ ᠣᠶᠢᠯᠠᠰ ᠤᠨ ᠭᠤᠷᠪᠠᠨ ᠵᠢᠯ ᠤᠨ ᠬᠦᠭᠵᠢᠯᠳᠠ ᠶᠢᠨ | ᠲᠦᠯᠦᠪᠵᠢᠭᠦᠯᠬᠡ ᠶᠢ ᠲᠡᠬᠦᠯᠳᠡᠷᠵᠢᠭᠦᠯᠵᠣ᠂ ᠵᠢᠯ ᠠᠯᠣᠰᠯᠠᠨ ᠲᠦᠰᠦᠪ ᠢ ᠲᠡᠩᠴᠡᠬᠦᠷᠢᠰᠢᠬᠦᠯᠬᠦ ᠲᠣᠭᠳᠠᠴᠠ ᠶᠢ | ᠪᠠᠶᠢᠭᠤᠯᠵᠣ᠂ ᠦᠭᠡᠷᠡᠴᠢᠯᠡᠯᠳᠠ ᠪᠠᠷ ᠡᠳ᠋ ᠤᠨ ᠵᠠᠰᠠᠭ ᠤᠨ ᠬᠡᠯᠪᠡᠷᠢ ᠶᠢᠨ ᠬᠤᠪᠢᠷᠠᠭᠤᠯᠣᠯᠳᠠ ᠶᠢ ᠠᠬᠢᠭᠤᠯᠣᠨ᠎ᠠ ᠃ | ᠪᠠᠯᠭᠠᠰᠣᠨ ᠤ ᠡᠳ᠋ ᠤᠨ ᠵᠠᠰᠠᠭ ᠤᠨ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠶᠢ ᠣᠯᠠᠮ ᠴᠢᠩᠭᠠᠳᠬᠠᠵᠣ᠂ ᠡᠯ᠎ᠡ | ᠪᠠᠯᠭᠠᠰᠣᠨ ᠤ ᠣᠯᠣᠰ ᠤᠨ ᠬᠦᠮᠦᠷᠭᠡ ᠠᠴᠠ ᠲᠦᠪᠯᠡᠷᠡᠩᠭᠦᠢ ᠭᠠᠷᠭᠠᠬᠤ ᠲᠦᠷᠢᠮ ᠤᠨ ᠬᠡᠷᠡᠭᠵᠢᠭᠦᠯᠦᠯᠳᠠ ᠪᠠᠨ | ᠴᠢᠩᠭᠠᠳᠬᠠᠵᠣ᠂ ᠡᠳ᠋ ᠤᠨ ᠵᠠᠰᠠᠭ ᠤᠨ ᠬᠠᠮᠢᠶᠠᠷᠣᠯᠳᠠ ᠶᠢᠨ ᠲᠦᠪᠰᠢᠨ ᠢ ᠦᠨᠡᠨ ᠬᠦ ᠲᠡᠭᠡᠭᠰᠢᠯᠡᠬᠦᠯᠦᠨ᠎ᠡ᠃ | ︵ᠲᠠᠪᠤ︶ ᠡᠳ᠋ ᠤᠨ ᠵᠠᠰᠠᠭ ᠤᠨ ᠬᠢᠨᠠᠯᠳᠠ ᠶᠢ ᠴᠢᠩᠭᠠᠳᠬᠠᠵᠣ᠂ ᠪᠡᠯᠡ ᠮᠦᠩᠭᠦᠨ ᠤ ᠠᠮᠦᠷ ᠲᠦᠪᠰᠢᠨ ᠢ | ᠪᠠᠳᠣᠯᠠᠨ᠎ᠠ᠃ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠠᠯ ᠲᠠᠷᠢᠶᠠᠯᠠᠩ ᠤᠨ ᠲᠦᠷᠦᠯ ᠵᠣᠶᠢᠯ᠂ ᠰᠠᠭᠤᠷᠢ | ᠲᠦᠬᠦᠭᠡᠷᠦᠮᠵᠢ᠂ ᠡᠮ ᠡᠮᠨᠡᠯᠭᠡ ᠡᠷᠡᠬᠦᠯ ᠬᠠᠮᠠᠭᠠᠯᠠᠯ᠂ ᠰᠣᠶᠣᠯ ᠰᠣᠷᠭᠠᠨ ᠬᠦᠮᠦᠵᠢᠯ᠂ ᠨᠡᠶᠢᠭᠡᠮ ᠤᠨ ᠣᠶᠢᠯᠠᠰ ᠤᠨ | ᠪᠡᠯᠡ ᠮᠦᠩᠭᠦ ᠶᠢᠨ ᠬᠢᠨᠠᠯᠳᠠ ᠶᠢ ᠴᠢᠩᠭᠠᠳᠬᠠᠵᠣ᠂ ᠪᠡᠯᠡ ᠮᠦᠩᠭᠦᠨ ᠤ ᠠᠮᠦᠷ ᠲᠦᠪᠰᠢᠨ ᠲᠦᠷᠢᠮᠵᠢᠭᠰᠡᠨ ᠡᠷᠬᠢᠯᠳᠠ | ᠶᠢ ᠪᠠᠳᠣᠯᠠᠨ᠎ᠠ᠃ ᠨᠢᠭᠳᠠᠯᠠᠨ ᠪᠣᠳᠣᠬᠤ ᠬᠢᠨᠠᠯᠳᠠ ᠪᠠᠶᠢᠴᠠᠭᠠᠯᠳᠠ ᠶᠢ ᠴᠢᠩᠭᠠᠳᠬᠠᠵᠣ᠂ ᠭᠤᠣᠯᠳᠠᠯᠭᠠᠳᠦ ᠣᠷᠣᠨ | ᠬᠡᠪᠴᠢᠶ᠎ᠡ᠂ ᠭᠤᠣᠯᠳᠠᠯᠭᠠᠳᠦ ᠠᠵᠢᠯ ᠲᠦᠷᠦᠯ ᠤᠨ ᠨᠢᠭᠳᠠᠯᠠᠨ ᠪᠣᠳᠣᠯᠳᠠ ᠶᠢᠨ ᠬᠢᠨᠠᠯᠳᠠ ᠶᠢ ᠰᠠᠶᠢᠳᠦᠷ ᠬᠢᠵᠣ᠂ | ᠨᠢᠭᠳᠠᠯᠠᠨ ᠪᠣᠳᠣᠯᠳᠠ ᠶᠢᠨ ᠮᠡᠳᠡᠭᠡ ᠵᠡᠩᠭᠢ ᠶᠢᠨ ᠴᠢᠨᠠᠷᠵᠢᠯ ᠢ ᠣᠯᠠᠮ ᠲᠡᠭᠡᠭᠰᠢᠯᠡᠭᠦᠯᠦᠨ᠎ᠠ᠃ ᠡᠳ᠋ ᠤᠨ ᠵᠠᠰᠠᠭ ᠤᠨ | ᠬᠢᠨᠠᠯᠳᠠ ᠬᠠᠮᠢᠶᠠᠷᠣᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠴᠢᠩᠳᠡᠯᠡᠨ᠂ ᠵᠠᠰᠠᠭ ᠤᠨ | ᠣᠷᠳᠣᠨ ᠠᠴᠠ ᠪᠡᠯᠡ ᠣᠷᠣᠭᠤᠯᠣᠭᠰᠠᠨ ᠰᠠᠭᠤᠷᠢ ᠪᠠᠶᠢᠭᠤᠯᠣᠯᠳᠠ ᠶᠢᠨ ᠲᠦᠷᠦᠯ ᠵᠣᠶᠢᠯ ᠤᠨ ᠪᠡᠯᠡ ᠮᠦᠩᠭᠦᠨ ᠤ | ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠡᠳ᠋ ᠤᠨ ᠵᠠᠰᠠᠭ ᠤᠨ ᠪᠡᠯᠡ ᠮᠦᠩᠭᠦᠨ ᠤ ᠡᠷᠬᠢᠯᠳᠠ ᠶᠢᠨ ᠪᠦᠬᠦ | ᠶᠠᠪᠣᠴᠠ ᠶᠢ ᠬᠢᠨᠠᠨ ᠬᠠᠮᠢᠶᠠᠷᠬᠤ ᠲᠣᠭᠳᠠᠴᠠ ᠶᠢ ᠴᠢᠷᠮᠠᠶᠢᠨ ᠪᠦᠷᠢᠯᠳᠦᠬᠦᠯᠦᠨ᠎ᠡ᠃ ᠠᠵᠣ ᠠᠬᠤᠢ ᠶᠢᠨ ᠪᠠᠶᠢᠳᠠᠯ | ᠪᠣᠯᠣᠨ ᠡᠳ᠋ ᠤᠨ ᠵᠠᠰᠠᠭ ᠭᠠᠶᠢᠯᠢ ᠶᠢᠨ ᠦᠭᠡᠷᠡᠴᠢᠯᠡᠯᠳᠠ ᠶᠢ ᠠᠩᠬᠠᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠳᠠ᠂ | ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠳᠠ ᠶᠢ ᠰᠠᠨᠠᠭᠠᠴᠢᠯᠠᠭ᠎ᠠ ᠲᠠᠢ ᠭᠥᠯᠢᠶᠡᠵᠥ᠂ ᠬᠠᠤᠯᠢ ᠶᠤᠰᠤᠭᠠᠷ ᠵᠠᠰᠠᠭ | ᠶᠠᠪᠤᠭᠤᠯᠤᠨ᠂ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠴᠤ᠂ ᠪᠥᠭᠦ ᠬᠤᠰᠢᠭᠤᠨ ᠤ ᠠᠵᠤ ᠠᠬᠤᠢ | ᠨᠡᠶᠢᠭᠡᠮ ᠤᠨ ᠥᠷᠭᠦᠯᠵᠢᠭᠦᠶᠢᠴᠡ ᠭᠥᠭᠵᠢᠯᠳᠡ ᠳᠤ ᠪᠠᠳᠤ ᠪᠠᠬᠢ ᠡᠳ᠋ ᠤᠨ ᠭᠥᠴᠥᠨ ᠤ ᠪᠠᠳᠤᠯᠠᠭ᠎ᠠ ᠬᠠᠩᠭᠠᠨ᠎ᠠ᠃ | ᠲᠥᠯᠥᠭᠡᠯᠡᠭᠴᠢᠳ ᠡ᠂ 2016 ᠤᠨ ᠤ ᠡᠳ᠋ ᠤᠨ ᠵᠠᠰᠠᠭ ᠤᠨ ᠠᠵᠢᠯ ᠢᠶᠠᠨ ᠰᠠᠶᠢᠳᠦᠷ ᠬᠢᠬᠦ ᠨᠢ ︽ᠠᠷᠪᠠᠨ | ᠭᠤᠷᠪᠠᠳᠦᠭᠠᠷ ᠳᠠᠪᠤᠨ ᠵᠢᠯ︾ ᠤᠨ ᠲᠥᠯᠥᠪᠵᠢᠭᠦᠯᠭᠡ ᠶᠢ ᠣᠬᠢ ᠰᠠᠶᠢᠨ ᠡᠬᠢᠯᠡᠬᠦᠯᠬᠦ ᠶᠢᠨ ᠲᠡᠷᠢᠬᠦᠨ ᠴᠢᠬᠤᠯᠠ | ᠶᠠᠪᠣᠳᠠᠯ ᠪᠣᠯᠣᠨ᠎ᠠ᠃ ᠪᠢᠳᠠ ᠯᠠᠪᠳᠠᠭᠤᠨ ᠪᠠᠳᠣᠳᠠᠢ ᠠᠯᠬᠤᠭ᠎ᠠ᠂ ᠪᠣᠳᠠᠳᠠᠢ ᠠᠵᠢᠯᠯᠠᠬᠤ ᠰᠣᠷᠳᠠᠯ᠂ ᠵᠣᠷᠢᠭ ᠲᠠᠢ | ᠡᠭᠦᠷᠭᠡᠯᠡᠬᠦ ᠣᠪᠣᠷ᠂ ᠰᠢᠨᠡᠴᠢᠯᠡᠯᠳᠠ ᠲᠠᠢ ᠠᠵᠢᠯᠯᠠᠭ᠎ᠠ ᠪᠠᠷ ᠢᠶᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠰᠢᠢᠳᠪᠦᠷᠢ ᠪᠠᠶᠢᠷᠢᠯᠠᠭᠤᠯᠣᠯᠳᠠ ᠪᠣᠯᠣᠨ ᠬᠤᠰᠢᠭᠤ ᠠᠷᠠᠳ ᠤᠨ ᠲᠥᠯᠥᠭᠡᠯᠡᠭᠴᠢᠳ ᠤᠨ ᠬᠤᠷᠠᠯ ᠤᠨ | ᠰᠢᠢᠳᠪᠦᠷᠢ ᠵᠣᠷᠢᠭ ᠰᠠᠨᠠᠭ᠎ᠠ ᠪᠠᠷ ᠡᠳ᠋ ᠤᠨ ᠵᠠᠰᠠᠭ ᠤᠨ ᠡᠯ᠎ᠡ ᠲᠦᠷᠦᠯ ᠤᠨ ᠠᠵᠢᠯ ᠢ ᠠᠬᠢᠭᠤᠯᠬᠤ ᠦᠨᠳᠦᠰᠦᠨ | ᠴᠢᠭᠯᠡᠯᠳᠠ ᠪᠠ ᠠᠵᠢᠯᠯᠠᠭᠠᠨ ᠤ ᠵᠦᠭᠯᠡᠬᠦᠷ ᠪᠤᠯᠭᠠᠵᠤ᠂ ᠬᠦᠴᠦᠯᠡᠨ ᠵᠢᠳᠬᠦᠵᠣ᠂ ᠯᠠᠪᠳᠠᠭᠤᠨ ᠪᠠᠳᠣᠳᠠᠢ ᠠᠵᠢᠯᠯᠠᠨ᠂ | ᠡᠳ᠋ ᠤᠨ ᠵᠠᠰᠠᠭ ᠤᠨ ᠡᠯ᠎ᠡ ᠲᠦᠷᠦᠯ ᠤᠨ ᠠᠵᠢᠯ ᠤᠨ ᠬᠠᠷᠠᠯᠳᠠ ᠪᠠᠨ ᠠᠮᠵᠢᠯᠳᠠ ᠲᠠᠢ ᠪᠡᠶᠡᠯᠡᠭᠦᠯᠰᠦᠭᠡᠢ︕ | | | | |