ᠤᠳᠤᠭ ᠤᠨ ᠡᠮᠤᠨᠡᠳᠤ ᠬᠤᠰᠢᠭᠤᠨ ᠤ 2014 ᠤᠨ ᠤ ᠤᠯᠤᠰ ᠠᠷᠠᠤᠨ ᠤᠨ ᠠᠵᠤ ᠠᠬᠤᠢ | ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2015 ᠤᠨ ᠤ | ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ | ᠮᠡᠳᠡᠬᠦᠯᠤᠯᠳᠠ | | | — 2015 ᠤᠨ 2 ᠰᠠᠷ᠎ᠠ ᠶᠢᠨ 11 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ | ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ | | ᠲᠦᠯᠤᠬᠡᠯᠡᠭᠴᠢᠤᠨ ᠡ ᠄ | ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ | 2014 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ | ᠬᠡᠷᠡᠭᠵᠢᠬᠦᠯᠦᠭᠰᠡᠨ ᠪᠠᠶᠢᠳᠠᠯ ᠬᠢᠬᠡᠤᠨ 2015 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ | ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ | ᠳᠡᠪᠰᠢᠬᠦᠯᠬᠦ ᠪᠤᠯᠪᠠᠤ᠃ | ᠨᠢᠬᠡ᠂ 2014 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ | ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2014 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠨᠤᠪᠴᠢᠳᠠᠢ | ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ | ᠲᠦᠷᠤ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ ᠪᠦᠬᠦ ᠬᠤᠰᠢᠭᠤ ᠪᠠᠷ ᠢᠶᠠᠨ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠡ᠂ ᠲᠦᠷᠪᠡᠳᠦᠭᠡᠷ ᠪᠦᠭᠦᠳᠠ ᠬᠤᠷᠠᠯᠳᠤᠭᠠᠨ | ᠵᠢᠴᠢ ᠥᠪᠡᠷᠳᠡᠭᠡᠨ ᠵᠠᠰᠠᠬᠤ ᠤᠷᠤᠨ ᠤ ︽8337︾ ᠭᠥᠭᠵᠢᠭᠦᠯᠥᠯᠳᠡ ᠶᠢᠨ ᠰᠡᠳᠬᠢᠮᠵᠢ ᠶᠢ ᠪᠥᠭᠦ ᠲᠠᠯ᠎ᠠ ᠪᠠᠷ | ᠲᠤᠤᠱᠯᠠᠭᠤᠯᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠡᠯ᠎ᠡ ᠲᠥᠷᠥᠯ ᠤᠨ ᠰᠢᠢᠳᠪᠥᠷᠢ | ᠪᠠᠶᠢᠷᠢᠰᠢᠯᠠᠭᠤᠯᠤᠯᠳᠠ ᠶᠢ ᠭᠥᠨᠵᠡᠭᠡᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠤᠳᠠᠭᠠᠰᠢᠷᠠᠯ ᠤᠨ ᠲᠠᠷᠤᠯᠳᠠ | ᠲᠤᠤᠷ᠎ᠠ ᠬᠤᠰᠢᠭᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠢᠶᠠᠷ ᠲᠤᠭᠳᠠᠭᠠᠭᠰᠠᠨ ᠡᠯ᠎ᠡ ᠲᠥᠷᠥᠯ ᠤᠨ ᠬᠠᠷᠠᠯᠳᠠ ᠡᠭᠦᠷᠭᠡ ᠶᠢ ᠨᠡᠯᠢᠶᠡᠳ ᠰᠠᠶᠢᠨ | ᠪᠡᠶᠡᠯᠡᠭᠦᠯᠥᠭᠰᠡᠨ ᠪᠠᠶᠢᠨ᠎ᠠ᠃ | ︵ᠨᠢᠭᠡ︶ ᠭᠥᠭᠵᠢᠯᠳᠡ ᠶᠢᠨ ᠨᠥᠭᠡᠴᠡ ᠭᠥᠴᠥᠨ ᠥᠷᠭᠦᠯᠵᠢᠯᠡᠨ ᠴᠢᠩᠭᠠᠳᠬᠠᠴᠦ᠂ ᠠᠵᠤ ᠠᠬᠤᠢ ᠶᠢᠨ | ᠨᠡᠮᠡᠭᠳᠡᠯ ᠰᠢᠨ᠎ᠡ ᠬᠠᠨᠳᠣᠰᠢ ᠲᠠᠢ ᠪᠣᠯᠪᠠ | 2014 ᠣᠨ ᠳᠤ ᠪᠥᠭᠦ ᠬᠤᠰᠢᠭᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠢ | 127.34 ᠳ᠋ᠥᠩᠰᠢᠭᠤᠷ ᠲᠦᠬᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 7.8%ᠨᠡᠮᠡᠭᠳᠡᠪᠠ᠃ | ᠡᠭᠦᠨ ᠳᠤ᠂ ᠨᠢᠭᠡᠳᠦᠭᠡᠷ ᠠᠵᠣ ᠣᠶᠢᠯᠠᠰ ᠤᠨ ᠨᠡᠮᠡᠭᠳᠠᠯ ᠦᠷᠳᠡᠭ ᠢ 11.31 ᠳ᠋ᠥᠩᠰᠢᠭᠤᠷ ᠲᠥᠭᠦᠷᠢᠭ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠠ︔ ᠬᠤᠶᠠᠳᠦᠭᠠᠷ ᠠᠵᠣ ᠣᠶᠢᠯᠠᠰ ᠤᠨ | ᠨᠡᠮᠡᠭᠳᠠᠯ ᠦᠷᠳᠡᠭ ᠢ 80.32 ᠳ᠋ᠥᠩᠰᠢᠭᠤᠷ ᠲᠦᠬᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 9. | 3% ᠨᠡᠮᠡᠭᠳᠡᠪᠡ︔ ᠭᠤᠷᠪᠠᠳᠦᠭᠠᠷ ᠠᠵᠣ ᠣᠶᠢᠯᠠᠰ ᠤᠨ ᠨᠡᠮᠡᠭᠳᠡᠯ ᠦᠷᠳᠡᠭ ᠢ 35.71 ᠳ᠋ᠥᠩᠰᠢᠭᠤᠷ ᠲᠦᠭᠦᠷᠢᠭ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠪᠡ︔ ᠨᠡᠶᠢᠳᠡ ᠶᠢᠨ ᠡᠳ᠋ ᠤᠨ ᠵᠠᠰᠠᠭ ᠤᠨ | ᠲᠥᠰᠥᠪ ᠤᠨ ᠤᠷᠤᠯᠭ᠎ᠠ ᠶᠢ 14.7 ᠳ᠋ᠥᠩᠰᠢᠭᠤᠷ ᠲᠥᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ | 26% ᠨᠡᠮᠡᠭᠳᠡᠪᠡ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ ᠶᠢ 280 ᠳ᠋ᠥᠩᠰᠢᠭᠤᠷ ᠲᠥᠭᠦᠷᠢᠭ | ᠪᠡᠶᠡᠯᠡᠭᠦᠯᠵᠥ᠂ ᠠᠳᠠᠯᠢ ᠬᠤᠭᠤᠴᠠᠭᠠᠨ ᠤ ᠬᠢ ᠠᠴᠠ 21.2% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠲᠠᠸᠠᠷ | ᠤᠨ ᠵᠢᠵᠢᠭᠯᠡᠨ ᠪᠣᠷᠣᠯᠠᠭᠤᠯᠣᠭᠰᠠᠨ ᠶᠡᠷᠣᠩᠬᠡᠢ ᠥᠷᠳᠡᠭ ᠢ 19 ᠳ᠋ᠥᠩᠰᠢᠭᠤᠷ ᠲᠥᠭᠦᠷᠢᠭ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ 18.8% ᠨᠡᠮᠡᠭᠳᠡᠪᠡ︔ ᠬᠤᠳᠠ ᠭᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠥ | ᠪᠤᠯᠬᠤ ᠤᠷᠤᠯᠭ᠎ᠠ ᠶᠢ ᠲᠤᠰ ᠪᠥᠷᠢ 33096 ᠲᠥᠭᠦᠷᠢᠭ ᠪᠠ 13477 ᠲᠥᠭᠦᠷᠢᠭ ᠭᠥᠷᠭᠡᠵᠥ᠂ ᠠᠳᠠᠯᠢ | ᠬᠤᠭᠤᠴᠠᠭᠠᠨ ᠤ ᠬᠢ ᠠᠴᠠ ᠲᠤᠰ ᠪᠥᠷᠢ 9.5% ᠪᠠ 10.8% ᠨᠡᠮᠡᠭᠳᠡᠪᠡ᠃ ᠬᠦᠭᠵᠢᠯᠳᠡ ᠶᠢᠨ ᠲᠠᠯᠳᠠ | ᠨᠥᠯᠥᠭᠡᠯᠡᠯ ᠭᠥᠴᠥᠨ ᠤᠯᠠᠮ ᠴᠢᠩᠭᠠᠳᠴᠤ᠂ ᠣᠯᠣᠰ ᠤᠨ ᠲᠡᠰ ᠤᠨ ᠪᠣᠯᠪᠠᠰᠦᠨ ᠬᠤᠰᠢᠭᠤ ᠶᠢᠨ ᠨᠡᠷ᠎ᠡ | ᠲᠤᠷᠠᠳᠤᠯᠭ᠎ᠠ ᠳᠤ ᠵᠢᠭᠰᠠᠵᠤ᠂ ︽ᠲᠤᠮᠳᠠᠳᠤ ᠤᠯᠤᠰ ᠤᠨ ᠤᠷᠳᠤᠰ ᠪᠥᠭᠡ ᠶᠢᠨ ᠥᠯᠥᠭᠡᠢ︾ ᠶᠢᠨ ᠴᠤᠯᠠ | ᠭᠥᠷᠳᠡᠭᠡᠯ ᠤᠯᠤᠨ᠂ ᠭᠠᠵᠠᠷ ᠤᠷᠤᠨ ᠤ ᠨᠡᠷ᠎ᠡ ᠠᠯᠳᠠᠷᠰᠢᠯ ᠮᠠᠨᠳᠤᠪᠠ᠃ | ︵ᠬᠤᠶᠠᠷ︶ ᠠᠵᠣ ᠣᠶᠢᠯᠠᠰ ᠤᠨ ᠪᠦᠳᠦᠴᠡ ᠶᠢ ᠦᠷᠭᠦᠯᠵᠢᠯᠡᠨ ᠰᠢᠯᠢᠳᠡᠭᠵᠢᠭᠦᠯᠵᠣ᠂ ᠬᠡᠯᠪᠡᠷᠢ ᠶᠢ | ᠬᠤᠪᠢᠷᠠᠭᠤᠯᠤᠨ ᠭᠥᠭᠵᠢᠭᠦᠯᠭᠦ ᠰᠢᠨ᠎ᠡ ᠠᠯᠬᠤᠮ ᠡᠬᠢᠯᠡᠭᠦᠯᠪᠡ | ᠭᠤᠤᠯᠳᠠᠯᠭᠠᠳᠤ ᠲᠥᠷᠥᠯ ᠵᠥᠢᠯ ᠯᠠᠪᠳᠠᠭᠤᠨ ᠠᠬᠢᠵᠣ᠂ ᠭᠥᠭᠵᠢᠯᠳᠡ ᠶᠢᠨ ᠨᠥᠭᠡᠴᠡ ᠭᠥᠴᠥᠨ ᠢᠯᠡᠷᠭᠡᠢ | ᠨᠡᠮᠡᠭᠳᠡᠪᠡ᠃ ︽ᠱᠠᠩᠬᠠᠢ ᠶᠢᠨ ᠰᠥᠮ᠎ᠡ ᠠᠴᠠ ᠱᠠᠨᠳᠦ᠋ᠩ ᠬᠦᠷᠭᠦ±800 ᠺᠢᠯᠤᠸᠤᠯᠲ ᠤᠨ ᠴᠠᠬᠢᠯᠭᠠᠨ | ᠲᠠᠮᠵᠢᠭᠤᠯᠬᠤ ᠱᠤᠭᠤᠮ ᠪᠦᠬᠦ ᠣᠯᠣᠰ ᠤᠨ 12 ᠴᠠᠬᠢᠯᠭᠠᠨ ᠱᠤᠭᠤᠮ ᠤᠨ ᠨᠢᠭᠡ ᠪᠤᠯᠵᠤ᠂ ᠤᠳᠤ ᠲᠤᠰ ᠲᠥᠷᠥᠯ | ᠵᠥᠢᠯ ᠤᠨ ᠬᠢᠨᠠᠨ ᠵᠥᠪᠰᠢᠶᠡᠷᠡᠯ ᠳᠤ ᠭᠡᠷᠡᠭᠰᠡᠭᠦ ᠥᠪᠡᠷᠳᠡᠭᠡᠨ ᠵᠠᠰᠠᠬᠤ ᠤᠷᠤᠨ ᠤ 12 ᠲᠥᠷᠥᠯ ᠤᠨ ᠪᠢᠴᠢᠭ | ᠮᠠᠲ᠋ᠧᠷᠢᠶᠠᠯ ᠠᠴᠠ ᠨᠢᠭᠡᠨᠳᠡ 7 ᠶᠢ ᠨᠢ ᠵᠥᠪᠰᠢᠶᠡᠷᠡᠭᠦᠯᠵᠥ᠂ ᠥᠯᠡᠳᠡᠭᠰᠡᠨ ᠭᠠᠵᠠᠷ ᠵᠠᠮ ᠱᠤᠭᠤᠮ ᠰᠤᠩᠭᠤᠬᠤ | ᠲᠥᠯᠥᠪᠯᠡᠭᠡ᠂ ᠭᠠᠵᠠᠷ ᠰᠢᠷᠥᠢ ᠭᠡᠷᠡᠭᠯᠡᠭᠦ ᠬᠢᠨᠠᠯ᠂ ᠨᠡᠶᠢᠭᠡᠮ ᠤᠨ ᠠᠮᠤᠷ ᠲᠤᠭᠳᠠᠭᠤᠨ ᠤ ᠵᠢᠱᠢᠯᠳᠠ᠂ ᠰᠢᠬᠢᠷ | ᠡᠪᠡᠰᠥᠨ ᠬᠠᠮᠠᠭᠠᠯᠠᠯᠳᠠ ᠶᠢᠨ ᠤᠷᠤᠨ ᠲᠤᠭᠤᠯᠬᠤ ᠵᠥᠪᠰᠢᠶᠡᠷᠡᠯ᠂ ᠠᠭᠤᠷᠬᠠᠢ ᠶᠢᠨ ᠲᠡᠭᠡᠭᠦᠷ ᠭᠠᠷᠬᠤ ᠴᠤᠬᠤᠯᠳᠠ | ᠵᠡᠷᠭᠡ 5 ᠲᠥᠷᠥᠯ ᠤᠨ ᠠᠵᠢᠯ ᠤᠷᠤᠭᠰᠢᠳᠠᠢ ᠠᠬᠢᠨ᠂ ᠠᠩᠬ᠎ᠠ ᠠᠯᠬᠤᠮ ᠤᠨ ᠲᠥᠯᠥᠪᠯᠡᠭᠡ ᠪᠡᠯᠡᠳᠭᠡᠯ ᠨᠢᠭᠡᠨᠳᠡ | ᠡᠬᠢᠯᠡᠵᠥ᠂ ᠬᠠᠮᠢᠶ᠎ᠠ ᠪᠥᠭᠦᠢ ᠲᠥᠯᠥᠪᠯᠡᠭᠡᠨ ᠤ ᠨᠢᠭᠡᠴᠢ ᠴᠤ ᠪᠤᠳᠠᠳᠠᠢ ᠭᠠᠵᠠᠷ ᠲᠤ ᠨᠢ ᠬᠠᠶᠢᠯᠳᠠ ᠪᠠᠶᠢᠴᠠᠭᠠᠯᠳᠠ | ᠬᠢᠵᠥ ᠪᠤᠢ︔ ᠡᠭᠦᠨ ᠠᠴᠠ ᠭᠠᠳᠠᠨ᠎ᠠ᠂ ᠤᠯᠤᠰ ᠤᠨ ᠴᠠᠬᠢᠯᠭᠠᠨ ᠪᠥᠯᠥᠭᠯᠡᠯ ᠤᠨ ᠱᠤᠸᠠᠩ ᠸᠧᠢ᠂ ᠱᠧᠨ ᠬᠤᠸᠠ | ᠶᠢᠨ ᠤᠯᠤᠰ ᠤᠨ ᠡᠨᠧᠷᠬᠢ᠂ ᠱᠧᠩ ᠯᠤ᠋ ᠶᠢᠨ ᠡᠨᠧᠷᠬᠢ ᠬᠢᠮᠢ᠂ ᠣᠮᠠᠷᠠᠳᠦ ᠶᠢᠨ ᠴᠠᠬᠢᠯᠭᠠᠨ ᠭᠥᠴᠥᠨ ᠺᠤᠮᠫᠠᠨᠢ᠂ | ᠦᠪᠣᠷ ᠮᠣᠩᠭᠤᠯ ᠤᠨ ᠣᠯᠣᠰ ᠤᠨ ᠴᠠᠬᠢᠯᠭᠠᠨ ᠡᠨᠧᠷᠬᠢ ᠶᠢᠨ ᠶᠡᠷᠦᠩᠭᠡᠢ ᠬᠡᠪᠴᠢᠶᠡᠵᠢᠯ ᠨᠢ 1000 ᠲᠦᠮᠡᠨ | ᠺᠢᠯᠤᠸᠠᠲ ᠤᠨ ᠨᠡᠭᠦᠷᠡᠰᠥᠨ ᠴᠠᠬᠢᠯᠭᠠᠨ ᠤ ᠲᠦᠷᠦᠯ ᠵᠣᠶᠢᠯ ᠢ ᠨᠢᠭᠡᠨᠳᠠ ᠣᠯᠣᠰ ᠤᠨ ᠭᠥᠭᠵᠢᠭᠦᠯᠥᠯᠳᠡ | ᠥᠭᠡᠷᠡᠴᠢᠯᠡᠯᠳᠡ ᠶᠢᠨ ᠵᠥᠪᠯᠡᠯ ᠳᠤ ᠮᠡᠳᠡᠭᠦᠯᠪᠡ︔ ᠬᠤᠸᠠ ᠰᠢᠩ ᠤᠨ 40 ᠳ᠋ᠥᠩᠰᠢᠭᠤᠷ ᠺᠥᠪ ᠮᠧᠲᠷ ᠤᠨ | ᠨᠡᠭᠦᠷᠡᠰᠤ ᠪᠠᠷ ᠰᠢᠳᠠᠮᠠᠬᠠᠢ ᠭᠡᠢ ᠥᠢᠯᠡᠳᠭᠦ ᠲᠥᠷᠥᠯ ᠵᠣᠶᠢᠯ ᠨᠢ ᠨᠡᠶᠢᠭᠡᠮ ᠤᠨ ᠪᠡᠯᠡ ᠣᠷᠣᠯᠴᠠᠭᠤᠯᠵᠣ ᠡᠵᠡᠩᠨᠡᠭᠰᠡᠨ | ᠣᠯᠣᠰ ᠤᠨ ᠠᠩᠬᠠᠳᠠᠭᠴᠢ ᠪᠦᠯᠦᠭ ᠲᠠᠭᠤᠷᠢᠶᠠᠯ ᠲᠦᠷᠦᠯ ᠵᠣᠶᠢᠯ ᠤᠨ ᠡᠩᠨᠡᠭᠡᠨ ᠳᠤ ᠪᠠᠭᠳᠠᠵᠤ ᠤᠯᠤᠰ ᠤᠨ | ᠭᠥᠭᠵᠢᠭᠦᠯᠥᠯᠳᠡ ᠥᠭᠡᠷᠡᠴᠢᠯᠡᠯᠳᠡ ᠶᠢᠨ ᠵᠥᠪᠯᠡᠯ ᠤᠨ《 ᠵᠠᠮ ᠤᠨ ᠭᠡᠷᠡᠴᠢ 》 ᠶᠢ ᠣᠯᠣᠨ᠂ ᠣᠳᠣ ᠶᠠᠭ ᠲᠦᠷᠦᠯ | ᠵᠣᠶᠢᠯ ᠤᠨ ᠭᠤᠶᠣᠴᠢᠯᠡᠯ ᠢᠶᠠᠨ ᠮᠡᠳᠡᠭᠦᠯᠵᠣ᠂ ᠣᠰᠣᠨ ᠤ ᠵᠢᠭᠠᠯᠳᠠ ᠪᠣᠯᠣᠨ ᠨᠡᠭᠦᠷᠡᠰᠦᠨ ᠡᠬᠢ ᠰᠤᠷᠪᠤᠯᠵᠢ ᠵᠡᠷᠭᠡ | ᠴᠢᠬᠤᠯᠠ ᠵᠥᠢᠯ ᠤᠨ ᠪᠠᠳᠣᠯᠠᠭ᠎ᠠ ᠶᠢ ᠨᠠᠶᠢᠳᠠᠪᠤᠷᠢᠵᠢᠭᠤᠯᠤᠨ᠂ ᠭᠠᠵᠠᠷ ᠰᠢᠷᠦᠢ ᠲᠠᠳᠠᠪᠤᠷᠢᠯᠠᠬᠤ ᠲᠡᠭᠰᠢᠯᠡᠭᠦ ᠵᠡᠷᠭᠡ | ᠰᠠᠭᠤᠷᠢ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ 130 ᠲᠥᠮᠡᠨ ᠲᠤᠨ ᠨᠢᠭᠳᠠᠵᠢᠭᠤᠯᠤᠨ ᠭᠡᠥᠷᠰᠢᠭᠦᠯᠭᠦ | ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠱᠢ ᠳ᠋ᠠ ᠪᠣᠬᠢᠷᠳᠣᠯ ᠦᠭᠡᠢ ᠡᠨᠧᠷᠬᠢ ᠶᠢᠨ 40 ᠲᠦᠮᠡᠨ ᠲᠣᠨ | LNG᠂ ᠱᠢ ᠲᠠᠢ ᠶᠢᠨ 40 ᠲᠦᠮᠡᠨ ᠲᠣᠨ LNG ᠵᠡᠷᠭᠡ ᠲᠦᠷᠦᠯ ᠵᠣᠶᠢᠯ ᠰᠢᠪᠳᠣᠷᠠᠭᠠᠨ ᠳᠠᠭᠠᠨ ᠣᠷᠣᠵᠣ᠂ | 《 ᠠᠷᠪᠠᠨ ᠭᠤᠷᠪᠠᠳᠤᠭᠠᠷ ᠲᠠᠪᠤᠨ ᠵᠢᠯ 》 ᠤᠨ ᠲᠦᠯᠦᠪᠵᠢᠭᠦᠯᠭᠡ ᠲᠤᠭᠳᠠᠭᠠᠬᠤ ᠠᠵᠢᠯ ᠢ ᠪᠦᠬᠦ ᠲᠠᠯ᠎ᠠ ᠪᠠᠷ | ᠡᠬᠢᠯᠡᠭᠦᠯᠪᠡ︔《 ᠨᠢᠩ ᠳ᠋ᠦᠩ — ᠱᠠᠩᠬᠠᠢ ᠶᠢᠨ ᠰᠦᠮ᠎ᠡ ᠶᠢᠨ ᠣᠳᠣ ᠦᠶ᠎ᠡ ᠶᠢᠨ ᠨᠠᠭᠦᠷᠠᠰᠦᠨ ᠤ ᠨᠠᠷᠢᠯᠢᠭ | ᠪᠣᠯᠪᠠᠰᠦᠷᠠᠭᠤᠯᠬᠤ ᠠᠵᠣ ᠣᠶᠢᠯᠠᠰ ᠤᠨ ᠲᠡᠰ ᠲᠡᠪᠰᠢᠭᠦᠯᠬᠦ ᠲᠠᠭᠤᠷᠢᠶᠠᠯ ᠰᠠᠭᠤᠷᠢᠨ ᠭᠠᠵᠠᠷ ᠤᠨ ᠱᠠᠩᠬᠠᠢ ᠶᠢᠨ | ᠰᠦᠮ᠎ᠠ ᠶᠢᠨ ᠬᠤᠪᠢᠶᠠᠷᠢ ᠲᠣᠭᠤᠷᠢᠭ ᠤᠨ ᠠᠵᠣ ᠣᠶᠢᠯᠠᠰ ᠤᠨ ᠬᠦᠭᠵᠢᠭᠦᠯᠦᠯᠳᠠ ᠶᠢᠨ ᠲᠦᠯᠦᠪᠵᠢᠯᠭᠡ 》 ᠶᠢ | ᠣᠯᠣᠰ ᠤᠨ ᠬᠦᠭᠵᠢᠭᠦᠯᠦᠯᠳᠠ ᠥᠭᠡᠷᠡᠴᠢᠯᠡᠯᠳᠡ ᠶᠢᠨ ᠵᠦᠪᠯᠡᠯ ᠳᠤ ᠮᠡᠳᠡᠭᠦᠯᠪᠡ᠃《 ᠱᠠᠩᠬᠠᠢ ᠶᠢᠨ ᠰᠦᠮ᠎ᠠ | ᠣᠯᠣᠰ ᠤᠨ ᠠᠮᠢ ᠠᠬᠤᠶᠢᠴᠢ ᠠᠵᠣ ᠣᠶᠢᠯᠠᠳᠪᠦᠷᠢ ᠶᠢᠨ ᠲᠠᠭᠤᠷᠢᠶᠠᠯ ᠦᠵᠡᠭᠦᠯᠭᠦ ᠬᠦᠷᠢᠶᠡᠯᠡᠩ ᠲᠣᠭᠤᠷᠢᠭ ᠢ | ᠪᠦᠳᠦᠭᠡᠨ ᠪᠠᠶᠢᠭᠤᠯᠬᠤ ᠲᠦᠯᠦᠪᠵᠢᠭᠦᠯᠭᠡ 》 ᠴᠤᠬᠤᠯᠠᠪᠤᠷᠢᠯᠠᠯ ᠣᠯᠵᠣ᠂ ᠦᠪᠡᠷᠳᠡᠭᠡᠨ ᠵᠠᠰᠠᠬᠤ ᠣᠷᠣᠨ ᠤ | ᠠᠩᠬᠠᠳᠠᠭᠴᠢ ᠣᠯᠣᠰ ᠤᠨ ᠠᠮᠢ ᠠᠬᠤᠶᠢᠴᠢ ᠠᠵᠣ ᠣᠶᠢᠯᠠᠳᠪᠦᠷᠢ ᠤᠨ ᠲᠠᠭᠤᠷᠢᠶᠠᠯ ᠬᠦᠷᠢᠶᠡᠯᠡᠩ ᠲᠣᠭᠤᠷᠢᠭ | ᠪᠣᠯᠵᠣ᠂ ᠦᠪᠡᠷᠳᠡᠭᠡᠨ ᠵᠠᠰᠠᠬᠤ ᠣᠷᠣᠨ ᠤ ᠬᠠᠳᠣᠨ ᠭᠤᠣᠯ ᠲᠠᠭᠠᠤ ᠠᠵᠤ ᠠᠬᠤᠢ ᠶᠢᠨ ᠪᠥᠰᠡ ᠶᠢᠨ ᠴᠢᠬᠤᠯᠡ | ᠠᠵᠣ ᠣᠶᠢᠯᠠᠳᠪᠦᠷᠢ ᠤᠨ ᠬᠦᠷᠢᠶᠡᠯᠡᠩ ᠲᠣᠭᠤᠷᠢᠭ ᠤᠨ ᠨᠢᠭᠡ ᠪᠣᠯᠪᠠ᠃ ᠪᠦᠬᠦ ᠬᠤᠰᠢᠭᠤᠨ ᠤ ᠨᠡᠭᠦᠷᠡᠰᠦ᠂ | ᠨᠡᠭᠦᠷᠡᠰᠦᠨ ᠬᠢᠮᠢ᠂ ᠰᠢᠳᠠᠮᠬᠠᠢ ᠬᠡᠢ ᠶᠢᠨ ᠭᠠᠷᠣᠯᠳᠠ ᠲᠣᠰ ᠪᠦᠷᠢ 1005 ᠲᠦᠮᠡᠨ ᠲᠣᠨ᠂ 90 ᠲᠦᠮᠡᠨ ᠲᠣᠨ | ᠪᠣᠯᠣᠨ 50 ᠳ᠋ᠥᠩᠰᠢᠭᠤᠷ ᠺᠥᠪ ᠮᠧᠲᠷ ᠬᠦᠷᠴᠣ᠂ ᠠᠵᠣ ᠣᠶᠢᠯᠠᠳᠪᠦᠷᠢ ᠶᠢᠨ ᠭᠡᠷᠡᠭᠯᠡᠭᠡᠨ ᠤ ᠴᠠᠬᠢᠯᠭᠠᠨ ᠬᠡᠮᠵᠢᠶ᠎ᠡ | 5.5% ᠨᠡᠮᠡᠭᠳᠡᠪᠡ᠃ | ᠬᠤᠳᠠ ᠪᠠᠯᠭᠠᠰᠦ ᠢ ᠢᠵᠢ ᠴᠤᠭᠴᠠᠵᠢᠭᠤᠯᠤᠨ ᠵᠤᠬᠢᠴᠠᠩᠭᠤᠢ ᠭᠥᠭᠵᠢᠭᠦᠯᠵᠥ᠂ ᠠᠵᠤ ᠣᠶᠢᠯᠠᠰᠵᠢᠯᠳᠠ ᠲᠠᠰᠦᠷᠠᠯᠳᠠ | ᠦᠭᠡᠢ ᠲᠥᠷᠭᠡᠳᠪᠡ᠃ ᠬᠤᠳᠠ ᠭᠥᠳᠡᠭᠡ ᠶᠢ ᠨᠢᠭᠡᠳᠥᠯᠳᠡᠢ ᠲᠥᠯᠥᠪᠵᠢᠭᠦᠯᠭᠦ ᠲᠤᠷᠰᠢᠯᠳᠠ ᠶᠢᠨ ᠴᠡᠭ ᠤᠨ | ᠪᠠᠶᠢᠭᠤᠯᠤᠯᠳᠠ ᠶᠢᠨ ᠢᠨᠵᠧᠨᠧᠷᠢᠩ ᠢ ᠪᠠᠳᠦ ᠴᠢᠩᠭᠠᠳᠬᠠᠵᠣ᠂ ᠬᠦᠭᠵᠢᠯᠳᠠ ᠶᠢᠨ ᠪᠥᠳᠥᠴᠡ ᠨᠡᠩ ᠰᠢᠯᠢᠳᠡᠭᠵᠢᠪᠡ᠃ | ᠮᠠᠯᠵᠢᠬᠤ ᠲᠠᠷᠢᠶᠠᠯᠠᠬᠤ ᠣᠷᠣᠨ ᠤ ᠥᠮᠴᠢᠯᠡᠯ ᠤᠨ ᠡᠷᠬᠡ ᠶᠢᠨ ᠲᠦᠷᠢᠮ ᠪᠣᠯᠣᠨ ᠮᠦᠩᠭᠦᠨ ᠭᠦᠢᠯᠭᠡᠭᠡᠨ ᠤ ᠲᠦᠷᠢᠮ | ᠤᠨ ᠥᠭᠡᠷᠡᠴᠢᠯᠡᠯᠳᠡ ᠶᠢ ᠠᠬᠢᠭᠤᠯᠵᠣ᠂ ᠲᠦᠭᠰᠢᠭᠦᠷᠢᠳᠦ ᠲᠠᠭᠠᠭᠠᠯᠳᠠ ᠶᠢᠨ ᠰᠠᠭᠤᠷᠢ ᠮᠦᠩᠭᠦ ᠲᠤᠬᠢᠷᠠᠭᠤᠯᠤᠨ᠂ | ᠮᠠᠯᠴᠢᠨ ᠲᠠᠷᠢᠶᠠᠴᠢᠨ ᠤ ᠲᠣᠰᠬᠠᠢ ᠬᠠᠮᠳᠤᠷᠠᠯ ᠬᠤᠷᠰᠢᠶ᠎ᠠ ᠪᠣᠯᠣᠨ ᠤᠳᠤ ᠥᠶ᠎ᠡ ᠶᠢᠨ ᠭᠡᠷ ᠪᠦᠯᠢ ᠶᠢᠨ ᠮᠠᠯᠵᠢᠯ | ᠲᠠᠷᠢᠶᠠᠯᠠᠯ ᠤᠨ ᠲᠠᠯᠠᠪᠡᠢ ᠶᠢ ᠭᠤᠣᠯᠯᠠᠨ ᠲᠡᠮᠵᠢᠵᠣ᠂ ᠭᠥᠳᠡᠭᠡ ᠲᠤᠰᠬᠤᠨ ᠤ ᠬᠦᠭᠵᠢᠯᠳᠠ ᠶᠢ ᠣᠯᠠᠮ ᠨᠢᠭᠡ ᠠᠯᠬᠤᠮ | ᠲᠦᠷᠭᠡᠳᠬᠡᠪᠡ᠃ ᠣᠯᠵᠠᠴᠢ ᠪᠠᠯᠭᠠᠰᠦ 313 ᠲᠦᠮᠡᠨ ᠺᠥᠸᠠᠳ᠋ ᠮᠧᠲᠷ ᠣᠶᠢᠵᠢᠭᠤᠯᠣᠯᠳᠠ ᠬᠢᠵᠥ᠂ | ᠤᠶᠢᠵᠢᠭᠤᠯᠤᠭᠰᠠᠨ ᠨᠣᠷᠮ᠎ᠠ 38% ᠭᠥᠷᠪᠡ︔ ᠰᠤᠶᠤᠯ ᠤᠨ ᠠᠵᠤ ᠥᠢᠯᠡᠰ ᠤᠨ ᠭᠥᠷᠢᠶᠡᠯᠠᠩ᠂ ᠶᠢᠨ ᠰᠢᠤ ᠯᠢ | ᠳ᠋ᠤᠤ ᠲᠤᠭᠤᠷᠢᠭ᠂ ᠠᠵᠢᠯ ᠮᠡᠷᠭᠡᠵᠢᠯ ᠤᠨ ᠭᠥᠷᠢᠶᠡᠯᠠᠩ᠂ ᠶᠡᠷᠥᠩᠭᠡᠶᠢᠯᠡᠭᠰᠡᠨ ᠠᠰᠠᠷᠠᠮᠵᠢ ᠶᠢᠨ ᠭᠥᠷᠢᠶᠡᠯᠠᠩ ᠤᠨ | ᠪᠠᠶᠢᠭᠤᠯᠤᠯᠳᠠ ᠶᠢ ᠥᠨᠳᠥᠰᠥᠨ ᠳᠤ ᠪᠠᠨ ᠲᠠᠭᠤᠰᠬᠠᠪᠠ︔ ᠱᠠᠩᠬᠠᠢ ᠶᠢᠨ ᠰᠦᠮ᠎ᠡ ᠪᠠᠯᠭᠠᠰᠦ 2000 ᠲᠦᠮᠡᠨ | ᠺᠥᠸᠠᠳ᠋ ᠮᠧᠲᠷ ᠣᠶᠢᠵᠢᠭᠤᠯᠣᠯᠳᠠ ᠬᠢᠵᠥ᠂ ᠲᠦᠪᠯᠡᠷᠡᠩᠭᠦᠢ ᠲᠣᠯᠠᠭᠠᠯᠠᠭ᠎ᠠ ᠪᠡ ᠬᠡᠢ ᠬᠠᠩᠭᠠᠭᠰᠠᠨ ᠨᠣᠷᠮ᠎ᠠ 90% | ᠲᠠᠪᠠᠨ᠂ ᠪᠣᠵᠠᠷ ᠣᠰᠣ ᠰᠢᠢᠳᠪᠦᠷᠢᠯᠡᠬᠦ ᠥᠢᠯᠡᠳᠪᠥᠷᠢ ᠠᠰᠢᠭᠯᠠᠯᠳᠠ ᠳᠤ ᠣᠷᠣᠪᠠ︔ ᠪᠣᠷᠣᠪᠠᠯᠭᠠᠰᠦ ᠶᠢᠨ ᠨᠦᠭᠡᠴᠡ | ᠠᠮᠦ ᠶᠢᠨ ᠬᠦᠮᠦᠷᠭᠡ ᠶᠢᠨ ᠭᠤᠣᠯ ᠴᠤᠭᠴᠠ ᠶᠢᠨ ᠪᠠᠷᠢᠯᠭ᠎ᠠ ᠲᠠᠭᠤᠰᠴᠦ᠂ ᠰᠠᠭᠤᠷᠢ ᠲᠥᠭᠦᠭᠡᠷᠤᠮᠵᠢ ᠶᠢᠨ | ᠪᠠᠶᠢᠭᠤᠯᠤᠯᠳᠠ ᠲᠠᠰᠤᠷᠠᠯᠳᠠ ᠥᠭᠡᠢ ᠲᠡᠭᠦᠯᠳᠡᠷᠵᠢᠪᠡ︔ ᠨᠠᠩᠰᠦ ᠪᠠᠯᠭᠠᠰᠦ ᠶᠢᠨ ᠵᠠᠮ ᠵᠡᠭᠡᠯᠢ᠂ ᠰᠢᠳᠠᠮᠬᠠᠢ ᠭᠡᠢ᠂ | ᠣᠰᠣ ᠬᠠᠩᠭᠠᠬᠤ ᠬᠤᠭᠤᠯᠢ ᠵᠡᠷᠭᠡ ᠲᠥᠭᠦᠷ ᠲᠦᠬᠦᠭᠡᠷᠦᠮᠵᠢ ᠠᠰᠢᠭᠯᠠᠯᠳᠠ ᠳᠤ ᠤᠷᠤᠪᠠ᠃ 6 ᠰᠢᠨ᠎ᠠ ᠮᠠᠶ᠋ᠢᠭ ᠤᠨ | ᠠᠶᠢᠯ ᠲᠣᠰᠬᠤᠨ ᠪᠣᠯᠣᠨ ᠰᠠᠭᠤᠭᠠᠯᠢ ᠠᠷᠠᠳ ᠤᠨ ᠴᠡᠭ ᠤᠨ ᠵᠠᠮ᠂ ᠴᠠᠬᠢᠯᠭᠠᠨ᠂ ᠣᠰᠣ᠂ ᠬᠡᠢ ᠵᠡᠷᠭᠡ ᠰᠠᠭᠤᠷᠢ | ᠲᠦᠬᠦᠭᠡᠷᠦᠮᠵᠢ ᠪᠥᠷᠢᠳᠪᠡ᠃ ᠠᠷᠪᠢᠳᠠᠢ ᠤᠰᠤᠯᠠᠯᠳᠠ᠂ ᠬᠡᠪᠴᠢᠶᠡᠵᠢᠭᠰᠡᠨ ᠡᠵᠡᠩᠨᠡᠯᠳᠡ᠂ ᠡᠷᠴᠢᠮᠵᠢᠭᠰᠡᠨ | ᠥᠢᠯᠡᠳᠪᠥᠷᠢᠯᠡᠯᠳᠠ ᠢ ᠭᠥᠴᠥᠯᠡᠨ ᠠᠬᠢᠭᠤᠯᠵᠤ᠂ ᠤᠳᠤ ᠥᠶ᠎ᠡ ᠶᠢᠨ ᠮᠠᠯ ᠲᠠᠷᠢᠶᠠᠯᠠᠩ ᠤᠨ ᠰᠠᠭᠤᠷᠢᠨ ᠢ | ᠥᠷᠭᠡᠳᠭᠡᠨ᠂ ᠮᠠᠯ ᠲᠠᠷᠢᠶᠠᠯᠠᠩ ᠤᠨ ᠪᠥᠳᠥᠭᠡᠭᠳᠡᠭᠦᠨ ᠪᠤᠯᠪᠠᠰᠤᠷᠠᠭᠤᠯᠬᠤ ᠲᠠᠶᠢᠴᠢᠯᠠᠭᠴᠢ ᠠᠵᠤ ᠠᠬᠤᠶᠢᠯᠠᠯ ᠢ 3 | ᠪᠤᠶᠢᠵᠢᠭᠤᠯᠤᠨ ᠪᠤᠵᠠᠭᠠᠶᠢᠷᠠᠭᠤᠯᠵᠤ᠂ ᠪᠥᠭᠦ ᠬᠤᠰᠢᠭᠤᠨ ᠤ ᠮᠠᠯ ᠲᠠᠷᠢᠶᠠᠯᠠᠩ ᠤᠨ ᠮᠠᠰᠢᠨᠴᠢᠯᠠᠯᠳᠠ ᠶᠢ 80% | ᠲᠠᠪᠠᠭᠤᠯᠤᠨ᠂ ᠤᠳᠤ ᠥᠶ᠎ᠡ ᠶᠢᠨ ᠮᠠᠯ ᠲᠠᠷᠢᠶᠠᠯᠠᠩ ᠤᠨ ᠭᠥᠭᠵᠢᠯᠳᠡ ᠶᠢᠨ ᠰᠠᠭᠤᠷᠢ ᠤᠯᠠᠮ ᠪᠠᠬᠢᠵᠢᠵᠤ᠂ ᠠᠵᠣ | ᠣᠶᠢᠯᠠᠰᠵᠢᠯᠳᠡ ᠪᠠᠷ ᠲᠠᠶᠢᠴᠢᠯᠠᠭᠰᠠᠨ ᠦᠷ᠎ᠡ ᠠᠰᠢᠭ ᠢᠯᠡᠷᠬᠡᠢ ᠳᠡᠬᠡᠭᠰᠢᠯᠡᠪᠠ᠃ | ᠭᠤᠷᠪᠠᠳᠤᠭᠠᠷ ᠠᠵᠤ ᠥᠢᠯᠡᠰ ᠤᠯᠠᠮ ᠢᠶᠠᠷ ᠲᠡᠰ ᠲᠡᠪᠰᠢᠵᠣ᠂ ᠵᠢᠭᠤᠯᠴᠢᠯᠠᠯ᠂ ᠰᠣᠶᠣᠯ ᠢ ᠬᠠᠷᠢᠯᠴᠠᠨ | ᠠᠭᠤᠰᠬᠠᠵᠣ ᠬᠦᠭᠵᠢᠭᠦᠯᠪᠡ᠃ ᠵᠢᠭᠤᠯᠴᠢᠯᠡᠯ ᠤᠨ ᠣᠶᠢᠯᠠᠰ ᠤᠨ ᠬᠦᠭᠵᠢᠯᠳᠠ ᠶᠢ ᠬᠠᠷᠭᠠᠯᠵᠠᠬᠤ ᠲᠦᠷᠦ ᠶᠢᠨ | ᠪᠣᠳᠣᠯᠭ᠎ᠠ ᠶᠢ ᠲᠣᠭᠳᠠᠭᠠᠵᠣ᠂ ᠬᠤᠰᠢᠭᠤᠨ ᠤ ᠰᠣᠶᠣᠯ ᠵᠢᠭᠤᠯᠴᠢᠯᠡᠯ ᠤᠨ ᠣᠶᠢᠯᠠᠰ ᠤᠨ ᠵᠦᠪᠯᠡᠯ ᠢ ᠪᠠᠶᠢᠭᠤᠯᠤᠨ᠂ | ᠶᠡᠭᠡ ᠲᠣᠯᠣᠨ᠂ ᠱᠠᠩᠬᠠᠢ ᠶᠢᠨ ᠰᠦᠮ᠎ᠡ ᠶᠢᠨ ᠨᠡᠷᠬᠢᠶᠠᠨᠳᠦ ᠲᠠᠯ᠎ᠠ ᠨᠣᠳᠤᠭ ᠤᠨ ᠵᠢᠭᠤᠯᠴᠢᠯᠠᠯ ᠤᠨ ᠣᠷᠣᠨ ᠢ ᠢᠷᠭᠠᠢ | ᠶᠢᠨ ᠪᠢᠨ ᠾᠧ ᠰᠢᠨ᠎ᠠ ᠳᠤᠭᠤᠷᠢᠭ ᠤᠨ ᠪᠦᠬᠦ ᠴᠠᠷᠭ᠎ᠠ ᠶᠢᠨ 5A ᠳᠡᠰ ᠤᠨ ᠦᠵᠡᠮᠵᠢ ᠶᠢᠨ ᠤᠷᠤᠨ ᠲᠠᠢ | ᠠᠭᠤᠰᠬᠠᠨ ᠭᠥᠭᠵᠢᠭᠦᠯᠵᠥ᠂ ᠲᠤᠮᠤ ᠬᠡᠯᠪᠡᠷᠢ ᠶᠢᠨ ᠵᠢᠭᠤᠯᠴᠢᠯᠠᠯ ᠤᠨ ᠣᠬᠠᠭᠤᠯᠬᠤ ᠠᠵᠢᠯᠯᠠᠭ᠎ᠠ᠂ ᠰᠥᠯᠵᠢᠶ᠎ᠡ | ᠵᠠᠭᠤᠴᠢᠯᠠᠭᠤᠷ ᠤᠨ ᠣᠬᠠᠭᠤᠯᠭ᠎ᠠ ᠶᠢ ᠪᠠᠳᠠᠷᠠᠭᠤᠯᠤᠨ ᠵᠢᠭᠤᠯᠴᠢᠯᠡᠯ ᠤᠨ ᠰᠤᠷᠳᠠᠯᠴᠢᠯᠠᠯ ᠢ ᠴᠢᠩᠭᠠᠳᠬᠠᠵᠣ᠂ | 《ᠵᠢᠭᠤᠯᠴᠢᠯᠡᠯ ᠤᠨ ᠥᠵᠡᠮᠵᠢ ᠶᠢᠨ ᠵᠠᠮ᠂ ᠥᠵᠡᠰᠭᠦᠯᠡᠩᠳᠤ ᠰᠠᠶᠢᠬᠠᠨ ᠤᠳᠤᠭ ᠤᠨ ᠡᠮᠥᠨᠡᠳᠥ ᠬᠤᠰᠢᠭᠤ 》ᠵᠡᠷᠭᠡ | ᠰᠢᠷᠢᠰ ᠪᠠᠶᠠᠷ ᠲᠣᠷᠠᠰᠬᠠᠯ ᠤᠨ ᠠᠵᠢᠯᠯᠠᠭ᠎ᠠ ᠪᠠᠷ ᠤᠳᠤᠭ ᠤᠨ ᠡᠮᠥᠨᠡᠳᠥ ᠬᠤᠰᠢᠭᠤᠨ ᠤ ᠵᠢᠭᠤᠯᠴᠢᠯᠡᠯ ᠤᠨ ᠨᠡᠷ᠎ᠡ | ᠠᠯᠳᠠᠷᠰᠢᠯ ᠢ ᠣᠯᠠᠮ ᠮᠠᠨᠳᠤᠭᠤᠯᠪᠠ᠃ ᠰᠣᠶᠣᠯ ᠤᠨ ᠣᠶᠢᠯᠠᠰ ᠤᠨ ᠬᠦᠷᠢᠶᠡᠯᠡᠩ ᠢ ᠡᠵᠡᠩᠨᠡᠵᠣ᠂ ᠦᠨᠳᠦᠰᠦᠳᠡᠨ ᠤ | ᠭᠠᠷ ᠣᠷᠠᠯᠠᠯ ᠤᠨ ᠪᠥᠳᠥᠭᠡᠭᠳᠡᠭᠦᠨ ᠢᠶᠠᠷ ᠦᠨᠳᠦᠰᠦᠳᠡᠨ ᠤ ᠠᠵᠣ ᠣᠶᠢᠯᠠᠰ ᠤᠨ ᠬᠦᠭᠵᠢᠯᠳᠡ ᠶᠢ ᠠᠬᠢᠭᠤᠯᠪᠠ᠃ | ᠶᠠᠨ ᠠᠨ ᠤ ᠦᠨᠳᠦᠰᠦᠳᠡᠨ ᠤ ᠲᠡᠭᠡᠳᠦ ᠰᠣᠷᠭᠠᠭᠤᠯᠢ ᠶᠢᠨ ᠪᠣᠷᠣᠪᠠᠯᠭᠠᠰᠣᠨ ᠳᠤ ᠬᠢ ᠲᠣᠷᠠᠰᠬᠠᠯ ᠤᠨ ᠣᠷᠳᠣᠨ ᠤ | ᠭᠤᠤᠯ ᠪᠠᠷᠢᠯᠭ᠎ᠠ ᠲᠡᠭᠦᠰᠴᠤ᠂ ᠲᠤᠳᠤᠷᠠᠬᠢ ᠲᠥᠯᠥᠪᠯᠡᠭᠡ ᠴᠢᠮᠡᠭᠯᠡᠯ ᠢ ᠬᠢᠵᠥ ᠪᠤᠢ︔ ᠮᠦᠩᠭᠦᠨ ᠭᠦᠢᠯᠭᠡᠭᠡᠨ ᠤ | ᠣᠷᠴᠢᠨ ᠣᠯᠠᠮ ᠰᠢᠯᠢᠳᠡᠭᠵᠢᠨ᠂ ᠪᠦᠬᠦ ᠬᠤᠰᠢᠭᠤᠨ ᠳᠤ ᠮᠦᠩᠭᠦᠨ ᠭᠦᠢᠯᠭᠡᠭᠡᠨ ᠤ ᠡᠯ᠎ᠡ ᠪᠠᠶᠢᠭᠤᠯᠣᠮᠵᠢ 15 | ᠭᠥᠷᠴᠤ᠂ ᠭᠠᠴᠠᠭ᠎ᠠ ᠲᠤᠰᠬᠤᠨ ᠤ ᠮᠠᠯ ᠲᠠᠷᠢᠶᠠᠯᠠᠩ ᠤᠨ ᠮᠥᠩᠭᠦᠨ ᠭᠥᠢᠯᠭᠡᠭᠡᠨ ᠤ ᠥᠢᠯᠡᠴᠢᠯᠡᠭᠡᠨ ᠤ ᠲᠥᠪ ᠢ 32 | ᠲᠤᠬᠢᠷᠠᠭᠤᠯᠤᠨ᠂ ᠮᠦᠩᠭᠦᠨ ᠭᠦᠢᠯᠭᠡᠭᠡᠨ ᠤ ᠠᠵᠣ ᠠᠬᠤᠢ ᠶᠢᠨ ᠬᠦᠭᠵᠢᠯᠳᠠ ᠳᠤ ᠲᠣᠯᠭᠠᠭᠤᠷᠢᠯᠠᠬᠤ ᠣᠶᠢᠯᠠᠳᠣᠯ | ᠢᠯᠡᠷᠬᠡᠢ ᠴᠢᠩᠭᠠᠳᠪᠠ᠃ | ︵ᠭᠤᠷᠪᠠ︶ ᠰᠠᠭᠤᠷᠢ ᠲᠦᠬᠦᠭᠡᠷᠦᠮᠵᠢ ᠶᠢ ᠲᠠᠰᠣᠷᠠᠯᠳᠠ ᠦᠭᠡᠢ ᠰᠠᠶᠢᠵᠢᠷᠠᠭᠤᠯᠵᠣ᠂ ᠠᠮᠢ ᠠᠬᠤᠢ ᠶᠢᠨ | ᠤᠷᠴᠢᠨ ᠲᠤᠭᠤᠷᠢᠨ ᠰᠢᠨ᠎ᠡ ᠬᠤᠪᠢᠷᠠᠯᠳᠠ ᠲᠠᠢ ᠪᠤᠯᠪᠠ᠃ | ᠴᠠᠭᠠᠨᠨᠠᠭᠤᠷ ᠠᠴᠠ ᠤᠯᠵᠠᠴᠢ ᠶᠢ ᠲᠠᠭᠠᠷᠢᠨ ᠲᠡᠷᠭᠡ ᠰᠢᠶᠡᠨ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠤᠨ | ᠥᠭᠡᠷᠡᠴᠢᠯᠡᠯᠳᠡ ᠶᠢᠨ ᠠᠵᠢᠯ ᠣᠳᠣ ᠶᠠᠭ ᠵᠠᠮ ᠤᠨ ᠲᠡᠮᠳᠡᠭ᠂ ᠰᠡᠷᠭᠡᠶᠢᠯᠡᠭᠦ ᠪᠥᠰᠡ ᠲᠠᠭᠠᠷᠠᠭᠤᠯᠬᠤ ᠵᠡᠷᠭᠡ ᠲᠡᠭᠦᠰᠬᠡᠯ | ᠤᠨ ᠠᠵᠢᠯ ᠳᠤ ᠪᠠᠨ ᠣᠷᠣᠵᠣ᠂ ᠤᠯᠵᠠᠴᠢ ᠠᠴᠠ ᠳ᠋ᠥᠩ ᠳ᠋ᠤᠤ ᠯᠢᠶᠠᠩ ᠭᠥᠷᠭᠦ ᠲᠥᠷᠭᠡᠨ ᠵᠠᠮ ᠤᠨ ᠪᠠᠶᠢᠭᠤᠯᠤᠯᠳᠠ | ᠥᠪᠡᠷᠳᠡᠭᠡᠨ ᠵᠠᠰᠠᠬᠤ ᠤᠷᠤᠨ ᠤ ᠭᠥᠭᠵᠢᠭᠦᠯᠥᠯᠳᠡ ᠥᠭᠡᠷᠡᠴᠢᠯᠠᠯᠳᠠ ᠶᠢᠨ ᠵᠥᠪᠯᠡᠯ ᠤᠨ ᠴᠤᠬᠤᠯᠠᠪᠤᠷᠢᠯᠠᠯ ᠢ ᠤᠯᠤᠨ᠂ | ᠣᠯᠵᠠᠴᠢ ᠠᠴᠠ ᠲᠣᠯᠢ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠵᠠᠰᠠᠨ ᠰᠠᠶᠢᠵᠢᠷᠠᠭᠤᠯᠬᠤ ᠪᠠᠷᠢᠯᠭ᠎ᠠ᠂ ᠱᠠᠩᠬᠠᠢ | ᠶᠢᠨ ᠰᠦᠮ᠎ᠡ ᠠᠴᠠ ᠥᠵᠥᠭᠦᠷ ᠪᠠᠯᠭᠠᠰᠤ ᠬᠦᠷᠭᠦ ᠨᠢᠭᠡᠳᠦᠭᠡᠷ ᠲᠡᠰ ᠤᠨ ᠬᠦᠨᠳᠦ ᠲᠠᠭᠠᠭᠠᠴᠠᠳᠤ ᠵᠠᠮ ᠤᠨ ︵ᠪᠤᠯᠠᠭ | ᠲᠤᠰᠬᠤᠨ ᠠᠴᠠ ᠰᠢᠨ᠎ᠠ ᠱᠠᠩᠬᠠᠢ ᠶᠢᠨ ᠰᠦᠮ᠎ᠡ ᠬᠦᠷᠬᠦ ᠬᠡᠰᠡᠭ︶ ᠪᠠᠷᠢᠯᠭ᠎ᠠ ᠡᠮᠥᠨ᠎ᠡ ᠬᠤᠭᠤᠴᠠᠭᠠᠨ ᠤ ᠠᠵᠢᠯ ᠳᠤ | ᠪᠠᠨ ᠣᠷᠣᠪᠠ︔ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠤᠨ ᠲᠦᠷᠦᠯ ᠵᠣᠶᠢᠯ ᠤᠨ ᠪᠤᠯᠤᠮᠵᠢᠳᠤ ᠰᠤᠳᠤᠯᠤᠯ | ᠤᠨ ᠮᠡᠳᠡᠭᠦᠯᠥᠯᠳᠡ ᠵᠥᠪᠰᠢᠶᠡᠷᠡᠭᠳᠡᠵᠥ᠂ ᠣᠷᠴᠢᠮ ᠤᠨ ᠬᠤᠭᠤᠴᠠᠭᠠᠨ ᠳᠤ ᠪᠠᠷᠢᠯᠭ᠎ᠠ ᠡᠬᠢᠯᠡᠬᠦᠯᠬᠦ ᠪᠠᠷ ᠲᠦᠯᠦᠪᠯᠡᠵᠣ | ᠪᠠᠶᠢᠨ᠎ᠠ᠃ ᠶᠠᠰᠢᠯ ᠮᠤᠳᠤ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ᠂ ᠪᠣᠯᠠᠭ ᠤᠨ 35 | ᠺᠢᠯᠤᠸᠤᠯᠲ ᠤᠨ ᠴᠠᠬᠢᠯᠭᠠᠨ ᠬᠤᠪᠢᠰᠬᠠᠨ ᠳᠠᠮᠵᠢᠭᠤᠯᠬᠤ ᠪᠠᠷᠢᠯᠭ᠎ᠠ ᠠᠰᠢᠭᠯᠠᠯᠳᠠ ᠳᠤ ᠣᠷᠣᠪᠠ᠃ ᠪᠦᠬᠦ ᠵᠢᠯ 168 | ᠺᠢᠯᠦᠮᠧᠲᠷ ᠲᠣᠰᠬᠤᠨ ᠳᠤ ᠨᠡᠪᠳᠡᠷᠡᠬᠦ ᠴᠠᠷᠳᠠᠮᠠᠯ ᠵᠠᠮ ᠢ ᠨᠡᠪᠳᠡᠷᠡᠭᠦᠯᠵᠣ᠂ 20.5 ᠲᠦᠮᠡᠨ ᠮᠣ᠋ ᠬᠦᠷᠦᠰᠦ ᠰᠢᠷᠦᠢ | ᠶᠢ ᠬᠠᠮᠠᠭᠠᠯᠠᠨ ᠵᠠᠰᠠᠪᠠ᠃ ᠮᠠᠯ ᠪᠡᠯᠴᠢᠭᠡᠷ ᠢ ᠲᠡᠩᠴᠡᠭᠦᠷᠢᠳᠠᠢ ᠪᠠᠶᠢᠯᠭᠠᠬᠤ ᠲᠦᠷᠦ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠣ᠂ ᠪᠡᠭᠡᠵᠢᠭ ᠲᠢᠶᠠᠨᠵᠢᠨ ᠤ ᠰᠠᠯᠬᠢ ᠰᠢᠷᠣᠢ ᠶᠢᠨ ᠡᠬᠢ ᠶᠢ ᠵᠠᠰᠠᠬᠤ ᠬᠤᠶᠠᠳᠦᠭᠠᠷ ᠬᠤᠭᠤᠴᠠᠭᠠᠨ ᠤ | ᠠᠮᠢ ᠠᠬᠤᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠵᠣ᠂ 3.5 ᠲᠦᠮᠠᠨ ᠮᠣ᠋ ᠭᠠᠵᠠᠷ | ᠤᠶᠢᠵᠢᠭᠤᠯᠤᠨ᠂ 2 ᠲᠦᠮᠡᠨ ᠮᠣ᠋ ᠪᠢᠳᠡᠭᠦᠮᠵᠢᠯᠡᠵᠣ᠂ 0.2 ᠲᠦᠮᠡᠨ ᠮᠣ᠋ ᠡᠯᠡᠰᠦ ᠲᠤᠭᠳᠠᠪᠤᠷᠢᠵᠢᠭᠤᠯᠤᠨ᠂ ᠨᠣᠳᠤᠭ | ᠪᠡᠯᠴᠢᠭᠡᠷ ᠤᠨ ᠠᠮᠢ ᠠᠬᠤᠢ ᠶᠢᠨ ᠢᠨᠵᠧᠨᠧᠷᠢᠩ ᠤᠨ 1.5 ᠲᠦᠮᠡᠨ ᠮᠣ᠋ ᠲᠡᠵᠢᠭᠡᠯ ᠡᠪᠡᠰᠦᠨ ᠤ ᠰᠠᠭᠤᠷᠢᠨ ᠭᠠᠵᠠᠷ | ᠪᠠᠶᠢᠭᠤᠯᠪᠠ᠃ ᠡᠨᠧᠷᠬᠢ ᠠᠷᠪᠢᠯᠡᠨ ᠪᠣᠬᠢᠷᠳᠣᠯ ᠢ ᠪᠠᠭᠠᠰᠬᠠᠬᠤ ᠠᠵᠢᠯ ᠢ ᠣᠯᠠᠮ ᠨᠢᠭᠡ ᠠᠯᠬᠤᠮ ᠴᠢᠩᠭᠠᠳᠬᠠᠵᠣ᠂ | ᠬᠢᠮᠢ ᠶᠢᠨ ᠬᠡᠷᠡᠭᠰᠡᠬᠦ ᠬᠦᠴᠢᠯᠳᠦᠷᠦᠭᠴᠢ ︵COD︶ ᠪᠠ ᠰᠢᠪᠳᠦᠷ ᠠᠼᠣᠲ ᠶᠢᠨ ᠪᠣᠬᠢᠷᠳᠦᠯ ᠢ ᠲᠣᠰ ᠪᠦᠷᠢ 32 | ᠲᠣᠨ᠂ 4 ᠲᠣᠨ ᠪᠠᠭᠠᠰᠬᠠᠪᠠ᠃ | ︵ᠲᠦᠷᠪᠠ︶ ᠠᠷᠠᠤᠨ ᠤᠨ ᠠᠮᠢᠳᠤᠷᠠᠯ ᠤᠨ ᠢᠨᠵᠧᠨᠧᠷᠢᠩ ᠢ ᠪᠠᠳᠤᠯᠠᠨ᠂ ᠨᠠᠶᠢᠬᠡᠮ ᠤᠨ ᠬᠦᠭᠵᠢᠯᠳᠠ ᠶᠢ | ᠠᠬᠢᠭᠤᠯᠪᠠ | ᠠᠷᠠᠳ ᠢ ᠬᠠᠷᠠᠭᠠᠯᠵᠠᠬᠤ ᠠᠵᠢᠯ ᠳᠤ 19.53 ᠳ᠋ᠥᠩᠰᠢᠭᠤᠷ ᠲᠥᠭᠦᠷᠢᠭ ᠵᠠᠷᠤᠴᠠᠭᠤᠯᠵᠤ᠂ ᠡᠳ᠋ ᠤᠨ ᠵᠠᠰᠠᠭ | ᠤᠨ ᠪᠥᠭᠦ ᠵᠠᠷᠤᠳᠠᠯ ᠤᠨ 82.6% ᠶᠢ ᠡᠵᠡᠯᠡᠭᠦᠯᠪᠡ᠃ ︽ᠠᠷᠪᠠᠨ ᠪᠦᠬᠦ ᠪᠦᠷᠬᠦᠴᠠ︾ ᠶᠢᠨ ᠢᠨᠵᠧᠨᠧᠷᠢᠩ ᠤᠨ | ︽ᠴᠡᠭ ᠢᠶᠠᠷ ᠳᠠᠶᠢᠴᠢᠯᠠᠬᠤ᠂ ᠱᠤᠭᠤᠮ ᠢᠶᠠᠷ ᠬᠤᠯᠪᠤᠬᠤ᠂ ᠲᠤᠭᠤᠷᠢᠭ ᠢ ᠪᠦᠷᠬᠦᠬᠦ︾ ᠪᠦᠬᠦᠯᠢ ᠴᠤᠭᠴᠠ ᠶᠢᠨ | ᠲᠤᠭᠳᠠᠴᠠ ᠠᠩᠬ᠎ᠠ ᠪᠦᠷᠢᠯᠳᠤᠵᠤ᠂ ᠮᠠᠯᠵᠢᠬᠤ ᠳᠠᠷᠢᠶᠠᠯᠠᠬᠤ ᠤᠷᠤᠨ ᠤ ᠨᠠᠶᠢᠳᠠ ᠶᠢᠨ ᠤᠶᠢᠯᠡᠴᠢᠯᠡᠭᠡ ᠶᠢᠨ ᠪᠦᠬᠦ | ᠪᠦᠷᠬᠦᠴᠠ ᠶᠢ ᠪᠡᠶᠡᠯᠡᠭᠦᠯᠥᠨ᠂ ︽ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠤᠨᠬᠦᠬᠦ︾ ᠵᠡᠷᠬᠡ ᠢᠨᠵᠧᠨᠧᠷᠢᠩ ᠲᠠᠢ | ᠤᠶᠠᠯᠳᠤᠭᠤᠯᠵᠤ᠂ ᠶᠠᠳᠠᠭᠤ ᠬᠦᠴᠢᠷᠳᠠᠯᠳᠠᠢ ᠮᠠᠯᠴᠢᠨ ᠳᠠᠷᠢᠶᠠᠴᠢᠨ ᠤ 776 ᠲᠦᠬᠦᠷ ᠨᠤᠷᠠᠬᠤ ᠠᠶᠤᠯᠳᠠᠢ ᠬᠡᠷ ᠪᠠ | ᠵᠡᠮᠳᠡᠭᠴᠤᠤᠨ ᠤᠨ 100 ᠲᠦᠬᠦᠷ ᠨᠤᠷᠠᠬᠤ ᠠᠶᠤᠯᠳᠠᠢ ᠬᠡᠷ ᠢ ᠥᠭᠡᠷᠡᠴᠢᠯᠡᠵᠥ ᠰᠢᠨᠡᠳᠭᠡᠨ᠂ ᠲᠡᠵᠢᠭᠡᠨ | ᠥᠷᠡᠵᠢᠭᠦᠯᠭᠦ ᠬᠠᠰᠢᠶ᠎ᠠ ᠰᠠᠷᠠᠪᠴᠢ 312 ᠲᠥᠭᠦᠷ ᠪᠠᠶᠢᠭᠤᠯᠵᠤ᠂ 8 ᠰᠠᠭᠤᠷᠢ ᠠᠶᠤᠯᠬᠦᠢ ᠤᠰᠤ ᠤᠮᠳᠠ ᠶᠢᠨ | ᠢᠨᠵᠧᠨᠧᠷᠢᠩ ᠢᠶᠠᠷ 2000 ᠬᠦᠮᠤᠨ ᠤ ᠤᠰᠤ ᠤᠮᠳᠠ ᠶᠢᠨ ᠭᠥᠴᠢᠷᠳᠡᠯ ᠢ ᠰᠢᠢᠳᠪᠥᠷᠢᠯᠡᠨ᠂ 40.7 ᠺᠢᠯᠤᠮᠧᠲᠷ | ᠤᠨ ᠵᠡᠬᠡᠯᠢ ᠭᠤᠳᠤᠮ ᠳᠡᠪᠢᠰᠴᠤ᠂ 6850 ᠲᠦᠬᠦᠷ ︽ᠡᠷᠤᠬᠡ ᠪᠤᠯᠭᠠᠨ ᠳᠤ ᠨᠡᠪᠳᠡᠷᠡᠬᠦ︾ ᠲᠦᠬᠦᠬᠡᠷᠤᠮᠵᠢ | ᠤᠭᠰᠠᠷᠠᠨ᠂ ᠭᠠᠴᠠᠭ᠎ᠠ ᠳᠤᠰᠬᠤᠨ ᠤ ᠡᠷᠡᠬᠦᠯ ᠬᠠᠮᠠᠭᠠᠯᠠᠯ ᠤᠨ ᠥᠷᠥᠭᠡ᠂ ᠰᠤᠶᠤᠯ ᠤᠨ ᠬᠡᠷ᠂ ᠠᠷᠠᠤᠨ ᠲᠤ | ᠲᠦᠬᠦᠮ ᠦᠵᠡᠬᠦᠯᠬᠦ ᠳᠡᠯᠬᠡᠬᠦᠷ ᠢ ᠳᠤᠰᠪᠤᠷᠢ 15 ᠪᠠᠶᠢᠭᠤᠯᠵᠤ᠂ ᠦᠨᠳᠤᠰᠤᠨ ᠱᠠᠳᠤᠨ ᠳᠤ 6 ᠰᠤᠶᠤᠯ | ᠤᠶᠢᠯᠡᠴᠢᠯᠡᠬᠡᠨ ᠤ ᠳᠡᠷᠬᠡ ᠪᠠ 4 ᠡᠮᠴᠢᠯᠡᠬᠡᠨ ᠤ ᠳᠡᠷᠬᠡ ᠳᠤᠬᠢᠷᠠᠭᠤᠯᠪᠠ᠃ ᠥᠢᠯᠡᠰ ᠪᠥᠳᠥᠭᠡᠨ ᠠᠵᠢᠯ ᠤᠯᠬᠤ ᠶᠢ | ᠯᠠᠪᠳᠠᠭᠤᠨ ᠠᠤᠨᠬᠤᠵᠤ᠂ ᠪᠦᠬᠦ ᠬᠤᠰᠢᠭᠤᠨ ᠳᠤ ᠬᠤᠳᠠ ᠪᠠᠯᠭᠠᠰᠤᠨ ᠤ 1219 ᠬᠦᠮᠤᠨ ᠰᠢᠨ᠎ᠠ ᠪᠠᠷ ᠠᠵᠢᠯ | ᠤᠯᠤᠨ᠂ ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ 2.08% ᠪᠤᠯᠵᠤ᠂ 2365 | ᠬᠦᠮᠤᠨ ᠳᠤ ᠠᠵᠢᠯ ᠮᠡᠷᠬᠡᠵᠢᠯ ᠤᠨ ᠪᠤᠯᠪᠠᠰᠤᠷᠠᠯ ᠪᠠ ᠤᠶᠢᠯᠡᠰ ᠪᠦᠳᠤᠬᠡᠬᠦ ᠪᠤᠯᠪᠠᠰᠤᠷᠠᠯ ᠭᠥᠷᠳᠡᠭᠡᠪᠠ᠃ ᠰᠤᠷᠭᠠᠨ | ᠬᠦᠮᠤᠵᠢᠯ ᠤᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠳᠡᠬᠦᠯᠳᠡᠷᠵᠢᠬᠦᠯᠵᠤ᠂ ᠰᠤᠷᠭᠠᠨ ᠭᠥᠮᠥᠵᠢᠯ ᠤᠨ | ᠬᠡᠤᠬᠡᠤᠨ ᠤᠨ ᠴᠡᠴᠡᠷᠯᠢᠭ᠂ ᠳᠠᠬᠢᠯᠳᠤ ᠶᠢᠨ ᠬᠡᠤᠬᠡᠤᠨ ᠤᠨ ᠴᠡᠴᠡᠷᠯᠢᠭ᠂ ᠪᠤᠷᠤᠪᠠᠯᠭᠠᠰᠤ ᠪᠠᠭ᠎ᠠ ᠰᠤᠷᠭᠠᠭᠤᠯᠢ ᠶᠢ | ᠪᠠᠶᠢᠭᠤᠯᠤᠨ ᠬᠡᠷᠡᠭᠯᠡᠯᠳᠠ ᠳᠤ ᠤᠷᠤᠭᠤᠯᠪᠠ᠃ ᠰᠤᠶᠤᠯ ᠢᠶᠠᠷ ᠠᠷᠠᠤᠨ ᠢ ᠬᠠᠷᠠᠭᠠᠯᠵᠠᠬᠤ ᠶᠢ ᠪᠠᠳᠤᠳᠠᠢ ᠠᠬᠢᠭᠤᠯᠵᠤ᠂ | ᠮᠦᠽᠸᠢ᠂ ᠰᠤᠶᠤᠯ ᠤᠨ ᠤᠷᠳᠤᠨ᠂ ᠨᠤᠮ ᠤᠨ ᠰᠠᠩ᠂ ᠪᠡᠶ᠎ᠡ ᠴᠢᠬᠢᠷᠠᠭᠵᠢᠭᠤᠯᠬᠤ ᠲᠦᠪ ᠢ ᠰᠢᠨ᠎ᠠ ᠪᠠᠶᠢᠭᠤᠯᠤᠨ᠂ | ᠤᠯᠠᠨ ᠶᠠᠩᠵᠤᠳᠤ ᠭᠤᠴᠤ ᠲᠠᠭᠠᠰᠢᠶᠠᠯᠳᠤ ᠰᠤᠶᠤᠯ ᠤᠷᠠᠯᠢᠭ ᠢ ᠢᠯᠡᠷᠡᠭᠦᠯᠪᠡ᠃ ᠡᠮ ᠡᠮᠴᠢᠯᠡᠭᠡ ᠡᠷᠡᠬᠦᠯ | ᠬᠠᠮᠠᠭᠠᠯᠠᠯ ᠤᠨ ᠬᠤᠰᠢᠭᠤ᠂ ᠪᠠᠯᠭᠠᠰᠤ᠂ ᠳᠤᠰᠬᠤᠨ ᠭᠤᠷᠪᠠᠨ ᠱᠠᠳᠤ ᠶᠢ ᠴᠤᠭᠴᠠᠵᠢᠭᠤᠯᠤᠭᠰᠠᠨ ᠬᠠᠮᠢᠶᠠᠷᠤᠯᠳᠠ ᠶᠢᠨ | ᠵᠠᠭᠪᠤᠷ ᠢ ᠳᠡᠯᠬᠡᠷᠡᠬᠦᠯᠵᠤ᠂ ᠡᠮ ᠡᠮᠴᠢᠯᠡᠭᠡ ᠡᠷᠡᠬᠦᠯ ᠬᠠᠮᠠᠭᠠᠯᠠᠯ ᠤᠨ ᠡᠬᠢ ᠰᠤᠷᠪᠤᠯᠵᠢ ᠶᠢᠨ ᠵᠤᠬᠢᠰᠳᠠᠢ | ᠲᠤᠬᠢᠷᠠᠭᠤᠯᠤᠯᠳᠠ ᠶᠢ ᠠᠬᠢᠭᠤᠯᠪᠠ᠃ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠳᠤᠰᠪᠤᠷᠢ | ᠳᠡᠬᠡᠭᠰᠢᠯᠡᠬᠦᠯᠦᠬᠡᠤᠨ 495 ᠲᠦᠬᠦᠷᠢᠭ ᠪᠠ 402 ᠲᠦᠬᠦᠷᠢᠭ ᠬᠦᠷᠬᠡᠵᠤ᠂ ᠬᠤᠳᠠ ᠪᠠᠯᠭᠠᠰᠤᠨ ᠤ ᠰᠠᠭᠤᠭᠠᠯᠢ | ᠠᠷᠠᠤᠨ ᠤᠨ ᠦᠨᠳᠤᠰᠤᠨ ᠡᠮ ᠡᠮᠴᠢᠯᠡᠬᠡᠨ ᠤ ᠳᠠᠭᠠᠤᠨᠬᠠᠯ ᠤᠨ ᠬᠦᠮᠤᠨ ᠳᠤᠮᠳᠠᠴᠢ ᠶᠢᠨ ᠪᠡᠯᠡ ᠬᠤᠷᠠᠮᠳᠤᠭᠤᠯᠬᠤ | ᠪᠠᠷᠢᠮᠵᠢᠶ᠎ᠠ ᠶᠢ ᠲᠤᠰ ᠪᠥᠷᠢ 36 ᠲᠥᠭᠦᠷᠢᠭ ᠪᠠ 35 ᠲᠥᠭᠦᠷᠢᠭ ᠨᠡᠮᠡᠭᠳᠡᠭᠦᠯᠵᠥ᠂ ᠳᠠᠩᠰᠨ ᠳᠠᠶᠢᠯᠬᠤ ᠬᠠᠮᠤᠭ | ᠦᠨᠳᠤᠷ ᠪᠠᠷᠢᠮᠵᠢᠶ᠎ᠠ ᠶᠢ ᠳᠡᠬᠡᠭᠰᠢᠯᠡᠬᠦᠯᠤᠬᠡᠤᠨ 20 ᠲᠦᠮᠡᠨ ᠲᠦᠬᠦᠷᠢᠭ ᠬᠦᠷᠬᠡᠪᠠ᠃ ︽ᠴᠠᠬᠢᠷᠮ᠎ᠠ ᠴᠢᠳᠠᠪᠤᠷᠢᠳᠠᠨ︾ | ᠨᠡᠷᠡᠳᠤ ᠳᠡᠮᠳᠡᠭ ᠤᠨ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠦᠨᠳᠤᠷ ᠲᠦᠪᠰᠢᠨ ᠲᠠᠢ ᠴᠢᠳᠠᠪᠤᠷᠢᠳᠠᠨ 36 | ᠤᠷᠢᠵᠤ ᠠᠪᠴᠢᠷᠠᠨ᠂ ᠡᠯ᠎ᠡ ᠵᠦᠢᠯ ᠤᠨ ᠴᠢᠳᠠᠪᠤᠷᠢᠳᠠᠨ ᠢ 804 ᠬᠦᠮᠤᠵᠢᠬᠦᠯᠵᠤ᠂ ᠴᠢᠳᠠᠪᠤᠷᠢᠳᠠᠨ ᠤ ᠡᠩᠨᠡᠭᠡ ᠶᠢ | ᠤᠯᠠᠮ ᠨᠢᠬᠡ ᠠᠯᠬᠤᠮ ᠪᠤᠵᠠᠭᠠᠶᠢᠷᠠᠭᠤᠯᠪᠠ᠃ ᠭᠥᠨᠵᠡᠭᠡᠢ ᠦᠬᠡᠷᠡᠴᠢᠯᠠᠯᠳᠠ ᠶᠢ ᠪᠦᠬᠦ ᠳᠠᠯ᠎ᠠ ᠪᠠᠷ ᠠᠬᠢᠭᠤᠯᠵᠤ᠂ 5 | ᠲᠦᠷᠤᠯ ᠤᠨ ᠦᠬᠡᠷᠡᠴᠢᠯᠠᠯᠳᠠ ᠶᠢᠨ ᠡᠬᠦᠷᠬᠡ ᠶᠢ ᠲᠦᠪᠯᠡᠷᠡᠩᠬᠦᠢ ᠪᠡᠶᠡᠯᠡᠭᠦᠯᠥᠨ᠂ ᠨᠢᠬᠡ ᠪᠦᠯᠦᠭ ᠬᠢᠨᠠᠨ ᠵᠥᠪᠰᠢᠶᠡᠷᠡᠯ | ᠤᠨ ᠡᠷᠬᠡ ᠶᠢ ᠴᠤᠮᠬᠠᠳᠬᠠᠪᠠ᠃ ᠬᠦᠮᠤᠨ ᠠᠮᠠ ᠲᠦᠯᠤᠪᠯᠡᠬᠡᠳᠠᠢ ᠭᠥᠩᠭᠡᠵᠢᠯ ᠤᠨ ᠠᠵᠢᠯ ᠢ ᠤᠯᠠᠮ ᠪᠠᠬᠢᠵᠢᠬᠦᠯᠵᠤ᠂ | ᠦᠨᠳᠤᠰᠤᠳᠠᠨ ᠱᠠᠰᠢᠨ ᠰᠤᠷᠳᠠᠬᠤᠨ ᠤ ᠤᠶᠢᠯᠡᠰ ᠡᠷᠡᠬᠦᠯ ᠭᠥᠭᠵᠢᠨ᠂ ᠨᠠᠮ ᠤᠨ ᠤᠯᠠᠨ ᠲᠦᠮᠡᠨᠴᠢ ᠱᠤᠭᠤᠮ ᠤᠨ | ᠬᠦᠮᠤᠵᠢᠯ ᠤᠶᠢᠯᠡᠳᠤᠯᠬᠡ ᠶᠢᠨ ᠠᠵᠢᠯᠯᠠᠭ᠎ᠠ᠂ ᠤᠶᠤᠨ ᠤ ᠪᠤᠯᠪᠠᠰᠤᠨ ᠤ ᠪᠠᠶᠢᠭᠤᠯᠤᠯᠳᠠ᠂ ᠵᠠᠬᠢᠳᠠᠯ ᠰᠤᠷᠪᠤᠯᠵᠢᠯᠠᠭ᠎ᠠ᠂ | ᠨᠠᠶᠢᠬᠡᠮ ᠤᠨ ᠠᠮᠤᠷ ᠳᠤᠭᠳᠠᠭᠤᠨ᠂ ᠠᠶᠤᠯᠬᠦᠢ ᠤᠶᠢᠯᠡᠤᠨᠪᠤᠷᠢᠯᠡᠯ᠂ ᠬᠠᠤᠯᠢ ᠪᠠᠷ ᠵᠠᠰᠠᠬᠤ ᠬᠠᠤᠯᠢ ᠲᠦᠬᠡᠮᠡᠯᠵᠢᠬᠦᠯᠬᠦ | ᠵᠡᠷᠬᠡ ᠠᠵᠢᠯ ᠤᠳ ᠪᠠᠳᠤᠳᠠᠢ ᠠᠬᠢᠵᠤ᠂ ᠬᠦᠭᠵᠢᠯᠳᠠ ᠶᠢᠨ ᠤᠷᠴᠢᠨ ᠳᠠᠰᠤᠷᠠᠯᠳᠠ ᠦᠬᠡᠢ ᠰᠢᠯᠢᠳᠡᠭᠵᠢᠪᠠ᠃ | ᠶᠡᠷᠤᠩᠬᠡᠢ ᠳᠡᠭᠡᠨ ᠦᠵᠡᠪᠡᠯ᠂ ᠮᠠᠨ ᠤ ᠬᠤᠰᠢᠭᠤᠨ ᠤ ᠳᠤᠰ ᠵᠢᠯ ᠤᠨ ᠤᠯᠤᠰ ᠠᠷᠠᠤᠨ ᠤᠨ ᠠᠵᠤ ᠠᠬᠤᠢ ᠪᠠ | ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠤᠬᠢ ᠰᠠᠶᠢᠨ ᠪᠠᠶᠢᠨ᠎ᠠ᠃ ᠠᠵᠤ | ᠠᠬᠤᠢ ᠤᠷᠣᠭᠤᠳᠠᠭᠰᠡᠨ ᠳᠠᠷᠤᠯᠳᠠ ᠳᠤ ᠬᠠᠨᠳᠤᠭᠤᠯᠤᠨ᠂ ᠳᠤᠪᠤᠶᠢᠮ᠎ᠠ ᠠᠰᠠᠭᠤᠳᠠᠯ ᠤᠳ ᠢ ᠴᠢᠭᠯᠡᠯᠯᠳᠤ ᠴᠢᠨᠠᠷ ᠲᠠᠢ | ᠪᠠᠷ ᠰᠢᠢᠤᠨᠪᠤᠷᠢᠯᠡᠵᠤ᠂ ᠳᠤᠭᠳᠠᠭᠤᠨ ᠦᠰᠤᠯᠳᠠ ᠶᠢ ᠪᠦᠳᠤᠴᠠ ᠶᠢ ᠳᠤᠬᠢᠷᠠᠭᠤᠯᠬᠤ᠂ ᠠᠷᠠᠤᠨ ᠤᠨ ᠠᠮᠢᠳᠤᠷᠠᠯ ᠢ | ᠬᠠᠷᠠᠭᠠᠯᠵᠠᠬᠤ᠂ ᠬᠡᠨᠡᠳᠡᠯ ᠢ ᠰᠡᠷᠬᠡᠶᠢᠯᠡᠬᠦ ᠵᠡᠷᠬᠡ ᠲᠠᠢ ᠤᠷᠭᠠᠨᠢᠭ ᠢᠶᠠᠷ ᠤᠶᠠᠯᠳᠤᠭᠤᠯᠤᠨ᠂ ᠠᠵᠤ ᠠᠬᠤᠢ ᠶᠢᠨ | ᠳᠤᠭᠳᠠᠭᠤᠨ ᠡᠷᠬᠢᠯᠳᠠ ᠶᠢ ᠪᠠᠳᠤᠯᠠᠵᠤ᠂ ᠬᠦᠭᠵᠢᠯᠳᠠ ᠳᠤᠭᠳᠠᠭᠤᠨ ᠢᠶᠠᠷ ᠳᠡᠬᠡᠭᠰᠢᠯᠡᠨ᠂ ᠠᠷᠠᠤᠨ ᠤᠨ ᠠᠮᠢᠳᠤᠷᠠᠯ | ᠤᠨ ᠪᠠᠳᠤᠯᠠᠭ᠎ᠠ ᠯᠠᠪᠳᠠᠭᠤᠨ ᠪᠠᠳᠤᠵᠢᠪᠠ᠃ ᠬᠡᠬᠦ ᠳᠤ᠂ ᠮᠠᠨ ᠤ ᠬᠤᠰᠢᠭᠤᠨ ᠤ ᠠᠵᠤ ᠠᠬᠤᠢ ᠶᠢᠨ ᠡᠷᠬᠢᠯᠳᠠ ᠶᠢᠨ | ᠶᠠᠪᠤᠴᠠ ᠳᠤᠮᠳᠠ ᠮᠦᠨ ᠬᠦ ᠬᠦᠴᠢᠷᠳᠠᠯ ᠪᠠ ᠦᠷᠢᠰᠤᠯᠳᠤᠬᠡᠨ ᠳᠤᠯᠭᠠᠷᠠᠵᠤ ᠪᠤᠢ᠄ ᠨᠢᠬᠡ ᠳᠤ᠂ ᠨᠡᠬᠦᠷᠡᠰᠤᠨ ᠡᠬᠢ | ᠰᠤᠷᠪᠤᠯᠵᠢ ᠶᠢᠨ ᠳᠤᠬᠢᠷᠠᠭᠤᠯᠤᠯᠳᠠ᠂ ᠤᠷᠴᠢᠨ ᠳᠤᠭᠤᠷᠢᠨ ᠤ ᠪᠠᠭᠳᠠᠭᠠᠮᠵᠢ᠂ ᠤᠰᠤᠨ ᠤ ᠵᠢᠭᠠᠯᠳᠠ ᠳᠤᠭ᠎ᠠ ᠵᠡᠷᠬᠡ | ᠡᠯᠧᠮᠧᠨ᠋ᠲ ᠤᠨ ᠬᠢᠵᠠᠭᠠᠷᠯᠠᠯ ᠠᠴᠠ ᠪᠤᠯᠵᠤ ᠨᠢᠬᠡ ᠪᠦᠯᠦᠭ ᠭᠤᠤᠯᠳᠠᠯᠭᠠᠳᠤ ᠨᠡᠬᠦᠷᠡᠰᠤ᠂ ᠨᠡᠬᠦᠷᠡᠰᠤᠨ ᠬᠢᠮᠢ ᠶᠢᠨ | ᠲᠦᠷᠤᠯ ᠵᠦᠢᠯ ᠤᠨ ᠠᠬᠢᠯᠳᠠ ᠤᠳᠠᠭᠠᠨ᠂ ᠤᠷᠤᠨᠵᠢᠭᠤᠯᠤᠯᠳᠠ ᠭᠥᠴᠢᠷ ᠪᠤᠯᠬᠤᠷ ᠪᠤᠳᠠᠳᠤ ᠳᠠᠪᠰᠢᠯᠳᠠ | ᠪᠦᠷᠢᠯᠳᠦᠭᠰᠡᠨ ᠦᠬᠡᠢ᠂ ᠬᠦᠭᠵᠢᠯᠳᠠ ᠶᠢᠨ ᠳᠠᠶᠢᠴᠢᠯᠠᠬᠤ ᠪᠦᠳᠤᠮᠵᠢ ᠢᠯᠡᠷᠬᠡᠢ ᠪᠤᠰᠤ ᠪᠠᠶᠢᠬᠤ︔ ᠬᠤᠶᠠᠷ ᠲᠤ᠂ | ᠮᠠᠯ ᠳᠠᠷᠢᠶᠠᠯᠠᠩ ᠤᠨ ᠠᠵᠤ ᠤᠶᠢᠯᠡᠰ ᠤᠨ ᠬᠡᠯᠬᠢᠶᠡᠵᠢᠯ ᠤᠬᠤᠷ᠂ ᠠᠵᠤ ᠤᠶᠢᠯᠡᠰᠵᠢᠭᠰᠡᠨ ᠬᠡᠮᠵᠢᠶ᠎ᠠ ᠪᠠ ᠨᠡᠷᠡᠳᠤ | ᠳᠡᠮᠳᠡᠭ ᠤᠨ ᠠᠯᠳᠠᠷᠰᠢᠯ ᠦᠨᠳᠤᠷ ᠪᠤᠰᠤ᠂ ᠬᠦᠭᠵᠢᠯᠳᠠ ᠶᠢᠨ ᠠᠮᠢᠳᠤᠯᠢᠭ ᠬᠦᠴᠤᠨ ᠪᠠ ᠦᠷᠢᠰᠤᠯᠳᠤᠬᠦ ᠬᠦᠴᠤᠨ | ᠬᠦᠢᠴᠡᠤᠨ ᠪᠤᠰᠤ ᠪᠠᠶᠢᠬᠤ᠃ ᠭᠤᠷᠪᠠ ᠳᠤ᠂ ᠭᠤᠷᠪᠠᠳᠤᠭᠠᠷ ᠠᠵᠤ ᠤᠶᠢᠯᠡᠰ ᠤᠨ ᠠᠵᠤ ᠠᠬᠤᠢ ᠶᠢᠨ ᠬᠤᠪᠢ ᠶᠢᠨ | ᠵᠢᠩ ᠳᠤᠤᠷ᠎ᠠ᠂ ᠵᠢᠭᠤᠯᠴᠢᠯᠠᠯ ᠤᠨ ᠤᠶᠢᠯᠡᠰ ᠤᠨ ᠬᠦᠭᠵᠢᠯᠳᠠ ᠤᠳᠠᠭᠠᠨ᠂ ᠨᠦᠯᠤᠬᠡᠯᠡᠯ ᠪᠠᠭᠤᠷᠠᠢ᠂ ᠮᠦᠩᠬᠦᠨ | ᠬᠦᠢᠯᠬᠡᠬᠡ᠂ ᠪᠠᠷᠠᠭ᠎ᠠ ᠬᠦᠯᠬᠡᠬᠡᠨ ᠤ ᠤᠶᠢᠯᠡᠰ ᠤᠨ ᠬᠦᠭᠵᠢᠯᠳᠠ ᠪᠦᠷᠢᠨ ᠪᠤᠰᠤ ᠪᠠᠶᠢᠬᠤ᠃ ᠡᠳᠡᠬᠡᠷ ᠬᠦᠴᠢᠷᠳᠠᠯ ᠪᠠ | ᠠᠰᠠᠭᠤᠳᠠᠯ ᠢ ᠪᠢᠳᠠ ᠰᠠᠶᠢᠳᠤᠷ ᠴᠢᠬᠤᠯᠠᠴᠢᠯᠠᠬᠤ ᠶᠢᠨ ᠬᠠᠮᠳᠤ ᠬᠤᠶᠢᠰᠢᠳᠠ ᠶᠢᠨ ᠠᠵᠢᠯ ᠤᠨ ᠳᠤᠮᠳᠠ ᠠᠯᠬᠤᠮ | ᠠᠯᠬᠤᠮ ᠢᠶᠠᠷ ᠰᠢᠢᠤᠨᠪᠤᠷᠢᠯᠡᠬᠦ ᠬᠡᠷᠡᠭᠳᠠᠢ᠃ | ᠬᠤᠶᠠᠷ᠂ 2015 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠠ ᠭᠤᠤᠯ | ᠡᠬᠦᠷᠬᠡ | ᠬᠤᠷᠸ᠎ᠠ ᠤᠷᠴᠢᠨ ᠢ ᠶᠡᠷᠤᠩᠬᠡᠶᠢᠯᠡᠨ ᠪᠤᠳᠤᠯᠬᠢᠯᠡᠵᠤ᠂ ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ | ᠬᠦᠭᠵᠢᠯᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ 2015 ᠤᠨ ᠤ ᠪᠦᠬᠦ ᠬᠤᠰᠢᠭᠤᠨ ᠤ ᠤᠯᠤᠰ | ᠠᠷᠠᠤᠨ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ | ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 140 ᠳ᠋ᠦᠩᠰᠢᠭᠤᠷ ᠲᠦᠬᠦᠷᠢᠭ ᠬᠦᠷᠬᠡᠵᠤ᠂ 10% ᠦᠰᠬᠡᠨ᠎ᠠ︔ | ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 15.9 ᠳ᠋ᠦᠩᠰᠢᠭᠤᠷ ᠲᠦᠬᠦᠷᠢᠭ ᠬᠦᠷᠬᠡᠵᠤ᠂ | 8% ᠦᠰᠬᠡᠨ᠎ᠠ︔ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ ᠰᠢᠨ᠎ᠡ ᠠᠷᠭ᠎ᠠ ᠪᠠᠷ ᠵᠢᠱᠢᠪᠡᠯ 230 | ᠳ᠋ᠦᠩᠰᠢᠭᠤᠷ ᠲᠦᠬᠦᠷᠢᠭ ᠬᠦᠷᠬᠡᠵᠤ᠂ 15% ᠦᠰᠬᠡᠨ᠎ᠠ︔ ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ | ᠪᠤᠷᠤᠯᠠᠭᠤᠯᠬᠤ ᠶᠡᠷᠥᠩᠭᠡᠢ ᠥᠷᠳᠡᠭ ᠢ 21.8 ᠳ᠋ᠥᠩᠰᠢᠭᠤᠷ ᠲᠥᠭᠦᠷᠢᠭ ᠭᠥᠷᠭᠡᠵᠥ᠂ 15% ᠥᠰᠭᠡᠨ᠎ᠡ︔ | ᠬᠤᠳᠠ ᠭᠥᠳᠡᠭᠡ ᠶᠢᠨ ᠰᠠᠭᠤᠭᠠᠯᠢ ᠠᠷᠠᠤᠨ ᠤᠨ ᠡᠵᠡᠮᠳᠡᠵᠤ ᠪᠤᠯᠬᠤ ᠤᠷᠤᠯᠭ᠎ᠠ ᠶᠢ ᠲᠤᠰᠪᠤᠷᠢ 36075 | ᠲᠦᠬᠦᠷᠢᠭ ᠪᠠ 15094 ᠲᠥᠭᠦᠷᠢᠭ ᠭᠥᠷᠭᠡᠵᠥ᠂ 9% ᠪᠠ 12% ᠦᠰᠬᠡᠨ᠎ᠠ᠃ | ᠳᠡᠬᠡᠷ᠎ᠠ ᠳᠤᠷᠠᠳᠤᠭᠰᠡᠨ ᠬᠠᠷᠠᠯᠳᠠ ᠶᠢᠨ ᠳᠤᠭᠤᠷᠢᠨ ᠳᠤ᠂ 2015 ᠤᠨ ᠤ ᠠᠵᠢᠯ ᠢᠶᠠᠨ ᠰᠠᠶᠢᠳᠤᠷ ᠬᠢᠵᠤ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯᠳᠤᠭᠠᠨ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠ᠂ | ᠲᠦᠷᠪᠡᠳᠤᠬᠡᠷ ᠪᠦᠬᠦᠳᠠ ᠬᠤᠷᠠᠯᠳᠤᠭᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠤᠳᠤᠬᠡᠷ | ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦ ᠬᠡᠰᠢᠬᠦᠤᠨ ᠤᠨ ᠬᠤᠷᠠᠯᠳᠤᠭᠠᠨ ᠵᠢᠴᠢ ᠪᠦᠬᠦ ᠤᠷᠤᠨ ᠤ | ᠠᠵᠤ ᠠᠬᠤᠢ ᠠᠵᠢᠯ ᠤᠨ ᠬᠤᠷᠠᠯᠳᠤᠭᠠᠨ᠂ ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠬᠤᠭᠤᠴᠠᠭᠠᠨ ᠤ | ᠵᠢᠷᠭᠤᠳᠤᠭᠠᠷ ᠤᠳᠠᠭᠠᠨ ᠤ ᠪᠦᠬᠦ ᠬᠡᠰᠢᠬᠦᠤᠨ ᠤᠨ ᠬᠤᠷᠠᠯᠳᠤᠭᠠᠨ ᠪᠠ ᠪᠦᠬᠦ ᠬᠤᠳᠠ ᠶᠢᠨ ᠠᠵᠤ ᠠᠬᠤᠢ ᠶᠢᠨ ᠠᠵᠢᠯ | ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠬᠢᠨᠠᠮᠠᠭᠠᠢ ᠳᠣᠣᠱᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠨᠠᠢᠮᠠᠳᠤᠭᠠᠷ ᠬᠤᠭᠤᠴᠠᠭᠠᠨ ᠤ ᠳᠤᠯᠤᠳᠤᠭᠠᠷ ᠤᠳᠠᠭ᠎ᠠ ᠶᠢᠨ ᠪᠦᠬᠦ ᠬᠡᠰᠢᠬᠦᠤᠨ ᠤᠨ ᠦᠷᠬᠡᠤᠨᠬᠡᠭᠰᠡᠨ ᠬᠤᠷᠠᠯᠳᠤᠭᠠᠨ | ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠰᠢᠢᠤᠨᠪᠤᠷᠢ ᠳᠤᠬᠢᠷᠠᠭᠤᠯᠭ᠎ᠠ ᠶᠢ ᠪᠦᠬᠦ | ᠳᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠠ ᠪᠠᠶᠢᠳᠠᠯ ᠢ ᠬᠦᠢᠴᠡᠤᠨ ᠳᠠᠨᠢᠵᠤ᠂ ᠰᠢᠨ᠎ᠠ ᠪᠠᠶᠢᠳᠠᠯ ᠳᠤ | ᠰᠠᠨᠠᠭᠠᠴᠢᠯᠠᠭᠠᠳᠠᠢ ᠵᠤᠬᠢᠴᠠᠯᠳᠤᠨ᠂ ᠰᠢᠨ᠎ᠠ ᠪᠠᠶᠢᠳᠠᠯ ᠳᠤ ᠪᠠᠳᠤ ᠠᠭᠤᠰᠤᠯᠴᠠᠵᠤ᠂ ᠲᠤᠭᠳᠠᠭᠤᠨ ᠨᠡᠮᠡᠭᠳᠡᠯ ᠢ | ᠪᠠᠳᠤᠯᠠᠨ᠂ ᠲᠥᠷᠥᠯ ᠵᠥᠢᠯ ᠢ ᠠᠳᠬᠤᠵᠤ᠂ ᠪᠡᠯᠡ ᠤᠷᠤᠭᠤᠯᠤᠯᠳᠠ ᠶᠢ ᠥᠷᠭᠡᠳᠭᠡᠨ᠂ ᠠᠷᠠᠳ ᠤᠨ ᠠᠮᠢᠳᠤᠷᠠᠯ ᠢ | ᠬᠠᠷᠠᠭᠠᠯᠵᠠᠵᠤ᠂ ᠬᠡᠯᠪᠡᠷᠢ ᠬᠤᠪᠢᠷᠠᠭᠠᠭᠰᠡᠨ ᠬᠦᠭᠵᠢᠯᠳᠠ ᠶᠢ ᠲᠦᠷᠬᠡᠤᠨᠬᠡᠨ᠂ ᠠᠵᠤ ᠠᠬᠤᠢ ᠨᠠᠶᠢᠬᠡᠮ ᠤᠨ | ᠦᠷᠬᠦᠯᠵᠢᠬᠦᠶᠢᠴᠠ ᠡᠷᠡᠬᠦᠯ ᠬᠦᠭᠵᠢᠯᠳᠠ ᠶᠢ ᠠᠬᠢᠭᠤᠯᠤᠨ᠎ᠠ᠃ | ︵ᠨᠢᠬᠡ︶ ᠰᠡᠤᠨᠬᠢᠯ ᠢᠶᠠᠨ ᠨᠢᠬᠡᠤᠨᠬᠡᠨ ᠬᠦᠴᠤᠨ ᠢᠶᠠᠨ ᠬᠠᠮᠳᠤᠤᠨᠬᠠᠵᠤ᠂ ᠠᠵᠤ ᠤᠶᠢᠯᠡᠰ ᠤᠨ ᠬᠡᠯᠪᠡᠷᠢ ᠶᠢ | ᠬᠤᠪᠢᠷᠠᠭᠠᠨ ᠳᠡᠰ ᠳᠡᠪᠰᠢᠬᠦᠯᠤᠨ᠎ᠠ | ᠰᠢᠨ᠎ᠠ ᠬᠡᠯᠪᠡᠷᠢ ᠶᠢᠨ ᠠᠵᠤ ᠤᠶᠢᠯᠡᠤᠨᠪᠤᠷᠢ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠤᠨᠬᠡᠨ᠎ᠠ᠃ ᠤᠯᠤᠰ ᠤᠨ | ᠠᠭᠠᠷ ᠮᠠᠨᠳᠤᠯ ᠤᠨ ᠪᠤᠬᠢᠷᠳᠤᠯ ᠢ ᠵᠠᠰᠠᠬᠤ᠂ ᠪᠤᠬᠢᠷᠳᠤᠯ ᠦᠬᠡᠢ ᠡᠨᠧᠷᠬᠢ ᠶᠢᠨ ᠤᠶᠢᠯᠡᠰ ᠢ ᠬᠦᠭᠵᠢᠬᠦᠯᠬᠦ ᠪᠠ | ᠦᠪᠡᠷᠳᠡᠬᠡᠨ ᠵᠠᠰᠠᠬᠤ ᠤᠷᠤᠨ ᠤ ︽ᠳᠠᠪᠤᠨ ᠶᠡᠭᠡ ᠰᠠᠭᠤᠷᠢᠨ ᠭᠠᠵᠠᠷ︾ ᠢ ᠴᠤᠭᠴᠠᠯᠠᠬᠤ ᠳᠤᠬᠢᠶᠠᠯ ᠢ ᠪᠠᠳᠤ | ᠡᠵᠡᠮᠳᠡᠨ᠂ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠢᠶᠠᠷ | ᠠᠴᠢᠶᠠᠯᠠᠭᠴᠢ ᠪᠤᠯᠭᠠᠵᠤ᠂ ︽ᠨᠡᠬᠦᠷᠡᠰᠤ ᠴᠠᠬᠢᠯᠭᠠᠨ ᠬᠤᠯᠪᠤᠭᠠᠯᠠᠬᠤ︾ ᠠᠯᠬᠤᠴᠠ ᠶᠢ ᠲᠦᠷᠬᠡᠤᠨᠬᠡᠨ᠂ ᠪᠤᠬᠢᠷᠳᠤᠯ | ᠦᠬᠡᠢ ᠡᠨᠧᠷᠬᠢ ᠪᠠ ᠤᠳᠤ ᠦᠶ᠎ᠡ ᠶᠢᠨ ᠨᠡᠬᠦᠷᠡᠰᠤᠨ ᠬᠢᠮᠢ ᠶᠢᠨ ᠤᠶᠢᠯᠡᠰ ᠢ ᠶᠡᠬᠡᠪᠡᠷ ᠬᠦᠭᠵᠢᠬᠦᠯᠵᠤ᠂ ᠡᠬᠢ ᠪᠠᠶᠠᠯᠢᠭ | ᠤᠨ ᠳᠠᠪᠠᠭᠤᠯᠢᠭ ᠠᠴᠠ ᠠᠵᠤ ᠠᠬᠤᠢ ᠶᠢᠨ ᠳᠠᠪᠠᠭᠤᠯᠢᠭ ᠳᠡᠰᠢ ᠰᠢᠯᠵᠢᠬᠦ ᠶᠢ ᠠᠬᠢᠭᠤᠯᠤᠨ᠎ᠠ᠃ ᠱᠠᠩᠬᠠᠢ ᠶᠢᠨ | ᠰᠦᠮ᠎ᠠ ᠠᠴᠠ: ᠱᠠᠨᠳᠦ᠋ᠩ ᠬᠦᠷᠬᠦ ᠴᠠᠬᠢᠯᠭᠠᠨ ᠭᠥᠷᠭᠡᠭᠦ ᠱᠤᠭᠤᠮ ᠪᠠ ᠮᠠᠰᠢᠨ ᠴᠤᠭᠴᠠᠯᠠᠪᠤᠷᠢ ᠶᠢᠨ ᠬᠡᠮᠵᠢᠶ᠎ᠠ ᠨᠢ | 1000 ᠲᠦᠮᠡᠨ ᠺᠢᠯᠤᠸᠠᠲ ᠤᠨ 5 ᠲᠦᠬᠦᠷᠴᠢᠯᠡᠭᠰᠡᠨ ᠴᠠᠬᠢᠯᠭᠠᠨ ᠭᠠᠷᠭᠠᠯᠳᠠ ᠶᠢᠨ ᠴᠡᠭ ᠤᠨ ᠪᠠᠶᠢᠭᠤᠯᠤᠯᠳᠠ ᠶᠢᠨ | ᠲᠦᠷᠤᠯ ᠵᠦᠢᠯ ᠢ ᠵᠢᠯ ᠤᠨ ᠳᠤᠳᠤᠷ᠎ᠠ ᠪᠠᠷᠢᠯᠭ᠎ᠠ ᠡᠬᠢᠯᠡᠬᠦᠯᠤᠨ᠎ᠠ︔ ᠬᠤᠸᠠ ᠰᠢᠩ ᠤᠨ 40 ᠳ᠋ᠦᠩᠰᠢᠭᠤᠷ ᠺᠦᠪ | ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠤᠯ ᠵᠦᠢᠯ ᠳᠤ ᠢᠳᠡᠪᠬᠢᠯᠡᠵᠤ᠂ ᠨᠡᠬᠦᠷᠡᠰᠤᠨ ᠡᠬᠢ | ᠰᠤᠷᠪᠤᠯᠵᠢ᠂ ᠤᠷᠴᠢᠨ ᠳᠤᠭᠤᠷᠢᠨ ᠤ ᠪᠠᠭᠳᠠᠭᠠᠮᠵᠢ᠂ ᠤᠰᠤᠨ ᠡᠬᠢ ᠰᠤᠷᠪᠤᠯᠵᠢ ᠵᠡᠷᠬᠡ ᠡᠯᠧᠮᠧᠨ᠋ᠲ ᠤᠨ ᠵᠢᠭᠠᠯᠳᠠ | ᠳᠤᠭ᠎ᠠ ᠶᠢ ᠪᠤᠳᠠᠳᠠᠶᠢᠵᠢᠭᠤᠯᠤᠨ᠂ ᠵᠢᠯ ᠤᠨ ᠳᠤᠳᠤᠷ᠎ᠠ ᠪᠡᠷᠢᠯᠭ᠎ᠠ ᠡᠬᠢᠯᠡᠬᠦᠯᠤᠨ᠎ᠠ︔ 130 ᠲᠦᠮᠡᠨ ᠳᠤᠨ ᠨᠡᠬᠦᠷᠡᠰᠤ | ᠬᠡᠤᠷᠰᠢᠬᠦᠯᠬᠦ ᠤᠯᠠᠨ ᠬᠤᠯᠪᠤᠭᠠᠳᠤ ᠤᠶᠢᠯᠡᠤᠨᠪᠤᠷᠢᠯᠡᠯ ᠤᠨ ᠲᠦᠷᠤᠯ ᠵᠦᠢᠯ ᠢ ᠵᠢᠯ ᠤᠨ ᠡᠴᠤᠰ ᠠᠴᠠ ᠡᠮᠤᠨ᠎ᠠ | ᠳᠤᠷᠰᠢᠨ ᠤᠶᠢᠯᠡᠤᠨᠪᠤᠷᠢᠯᠡᠬᠦ ᠨᠦᠬᠦᠴᠡᠯ ᠲᠠᠢ ᠪᠤᠯᠭᠠᠨ᠎ᠠ᠃ ᠲᠢᠶᠠᠨ ᠯᠢ ᠹᠧᠩ ᠤᠨ 60 ᠲᠦᠮᠡᠨ ᠳᠤᠨ ᠤ LNG | ᠶᠢᠨ ᠲᠦᠷᠤᠯ ᠵᠦᠢᠯ ᠢ ᠡᠬᠢᠯᠡᠬᠦᠯᠵᠤ᠂ ᠺᠧ ᠰᠧ ᠶᠢᠨ 40 ᠲᠦᠮᠡᠨ ᠳᠤᠨ LNG ᠶᠢᠨ ᠲᠦᠷᠤᠯ ᠵᠦᠢᠯ ᠢ | ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠤᠯᠤᠰ ᠠᠴᠠ ᠰᠢᠨ᠎ᠠ ᠡᠨᠧᠷᠬᠢ ᠶᠢᠨ ᠤᠶᠢᠯᠡᠰ ᠢ | ᠵᠤᠷᠢᠭᠵᠢᠭᠤᠯᠤᠨ ᠳᠡᠮᠵᠢᠵᠤ ᠪᠠᠶᠢᠭ᠎ᠠ ᠳᠤᠬᠢᠶᠠᠯ ᠢ ᠡᠵᠡᠮᠳᠠᠨ᠂ ᠷᠦᠨ ᠪᠥᠸᠧ ᠶᠢᠨ 33 ᠰᠡᠶᠠ ᠸᠤᠯᠲ ᠨᠠᠷᠠᠨ | ᠴᠠᠬᠢᠯᠭᠠᠨ ᠤ ᠲᠦᠷᠤᠯ ᠵᠦᠢᠯ ᠢ 3 ᠳ᠋ᠣᠭᠠᠷ ᠰᠠᠷ᠎ᠠ ᠶᠢᠨ ᠰᠡᠬᠦᠯᠴᠢ ᠴᠠᠬᠢᠯᠭᠠᠨ ᠳᠤᠤᠷ ᠲᠤ ᠨᠠᠶᠢᠯᠡᠬᠦᠯᠤᠨ | ᠠᠵᠢᠯᠯᠠᠭᠤᠯᠵᠤ᠂ ᠪᠤᠳᠠᠳᠤ ᠬᠦᠴᠤᠨ ᠢᠶᠠᠷ ᠴᠢᠩᠭ᠎ᠠ ᠲᠦᠷᠤᠯ ᠵᠦᠢᠯ ᠤᠳ ᠢ ᠭᠤᠤᠯᠳᠠᠯᠭᠠᠳᠠᠢ ᠠᠬᠢᠭᠤᠯᠤᠨ᠎ᠠ︔ | ᠰᠢᠳᠠᠮᠠᠬᠠᠢ ᠬᠡᠢ᠂ ᠴᠢᠯᠠᠭᠤᠨ ᠳᠤᠰᠤᠨ ᠤ ᠬᠠᠶᠢᠯᠳᠠ ᠨᠡᠬᠡᠬᠡᠯᠳᠠ ᠶᠢ ᠦᠷᠬᠡᠤᠨᠬᠡᠨᠠ︔ ᠨᠡᠬᠦᠷᠡᠰᠤᠨ ᠬᠢᠮᠢ ᠶᠢᠨ ᠠᠵᠤ | ᠤᠶᠢᠯᠡᠤᠨᠪᠤᠷᠢ ᠶᠢᠨ ᠳᠤᠤᠷᠠᠳᠤ ᠤᠷᠤᠰᠬᠠᠯ ᠤᠨ ᠤᠶᠢᠯᠡᠤᠨᠬᠦᠨ ᠪᠤᠶᠤ ᠦᠵᠤᠬᠦᠷᠰᠢᠯ ᠤᠶᠢᠯᠡᠤᠨᠬᠦᠨ ᠢ ᠴᠢᠬᠤᠯᠠᠴᠢᠯᠠᠨ | ᠬᠦᠭᠵᠢᠬᠦᠯᠵᠤ᠂ ᠬᠦᠷᠢᠶᠠᠯᠠᠩ ᠤᠨ ᠴᠠᠷᠳᠠᠮᠠᠯ ᠵᠠᠮ᠂ ᠬᠡᠤᠷᠠᠰᠤᠨ ᠰᠢᠭᠠᠷᠤ ᠶᠢᠨ ᠳᠠᠯᠠᠪᠠᠢ᠂ ᠲᠦᠷ ᠠᠬᠤᠭᠤᠯᠬᠤ | ᠴᠦᠬᠦᠷᠤᠮ᠂ ᠪᠤᠵᠠᠷ ᠤᠰᠤ ᠰᠢᠢᠤᠨᠪᠤᠷᠢᠯᠡᠬᠦ ᠤᠶᠢᠯᠡᠤᠨᠪᠤᠷᠢ ᠵᠡᠷᠬᠡ ᠲᠦᠬᠦᠷᠴᠢᠯᠡᠭᠰᠡᠨ ᠲᠦᠬᠦᠬᠡᠷᠤᠮᠵᠢ ᠶᠢᠨ | ᠳᠡᠬᠦᠯᠳᠡᠷᠵᠢᠬᠦᠯᠤᠯᠳᠠ ᠶᠢ ᠨᠢᠬᠡᠳᠤᠯᠳᠠᠢ ᠠᠬᠢᠭᠤᠯᠤᠨ᠂ ᠡᠬᠢ ᠰᠤᠷᠪᠤᠯᠵᠢ ᠶᠢ ᠪᠦᠳᠤᠮᠵᠢᠳᠠᠢ ᠠᠰᠢᠭᠯᠠᠬᠤ᠂ ᠬᠦᠨᠵᠡᠬᠡᠢ | ᠬᠤᠪᠢᠷᠠᠭᠠᠬᠤ᠂ ᠨᠡᠮᠡᠭᠳᠡᠯ ᠦᠷᠳᠡᠭ ᠢ ᠶᠡᠬᠡᠰᠬᠡᠬᠦ᠂ ᠳᠠᠭᠠᠯᠳᠠ ᠪᠦᠳᠤᠬᠡᠭᠳᠡᠬᠦᠨ ᠤ ᠬᠠᠶᠠᠭᠳᠠᠮᠠᠯ ᠪᠤᠳᠠᠰ ᠢ ᠡᠬᠢ | ᠪᠠᠶᠠᠯᠢᠭᠵᠢᠭᠤᠯᠬᠤ ᠶᠢ ᠴᠢᠬᠤᠯᠠᠴᠢᠯᠠᠵᠤ᠂ ᠠᠵᠤ ᠤᠶᠢᠯᠡᠰ ᠤᠨ ᠴᠢᠨᠠᠷ ᠴᠢᠨᠰᠠᠭ᠎ᠠ ᠶᠢ ᠪᠦᠬᠦᠯᠢ ᠴᠤᠭᠴᠠ ᠪᠠᠷ | ᠳᠡᠬᠡᠭᠰᠢᠯᠡᠬᠦᠯᠵᠤ᠂ ᠰᠢᠨ᠎ᠠ ᠬᠡᠯᠪᠡᠷᠢ ᠶᠢᠨ ᠠᠵᠤ ᠤᠶᠢᠯᠡᠤᠨᠪᠤᠷᠢᠵᠢᠭ᠍ᠰᠡᠨ ᠬᠦᠭᠵᠢᠯᠳᠠ ᠶᠢ ᠠᠬᠢᠭᠤᠯᠤᠨ᠎ᠠ᠃ | ᠮᠠᠯ ᠳᠠᠷᠢᠶᠠᠯᠠᠩ ᠤᠨ ᠨᠡᠷᠡᠳᠤ ᠳᠡᠮᠳᠡᠭ ᠤᠨ ᠠᠯᠳᠠᠷᠰᠢᠯ ᠪᠤᠯᠤᠨ ᠬᠡᠪᠵᠢᠶᠡᠵᠢᠯ᠂ ᠠᠵᠤ ᠤᠶᠢᠯᠡᠰᠵᠢᠯ ᠤᠨ | ᠬᠦᠭᠵᠢᠯᠳᠠ ᠶᠢ ᠠᠬᠢᠭᠤᠯᠤᠨ᠎ᠠ᠃ ᠢᠷᠭᠠᠢ ᠶᠢᠨ ᠶᠡᠷᠤᠩᠬᠡᠶᠢᠯᠡᠭᠰᠡᠨ ᠭᠠᠶᠢᠯᠢ ᠪᠠᠳᠤᠯᠠᠬᠤ ᠳᠤᠭᠤᠷᠢᠭ ᠤᠨ | ᠪᠠᠶᠢᠭᠤᠯᠤᠯᠳᠠ ᠶᠢᠨ ᠳᠡᠯᠡᠬᠡᠢ ᠨᠠᠶᠢᠳᠠ ︵ᠠᠷᠠᠪ︶ ᠳᠤ ᠬᠠᠨᠳᠤᠭᠤᠯᠤᠭᠰᠡᠨ ᠯᠠᠯᠤ ᠪᠦᠳᠤᠬᠡᠭᠳᠡᠬᠦᠨ ᠤ ᠵᠠᠬ᠎ᠠ | ᠳᠡᠯᠬᠡᠬᠦᠷ᠂ ᠮᠠᠨ ᠤ ᠬᠤᠰᠢᠭᠤᠨ ᠤ ᠮᠠᠯ ᠤᠨ ᠠᠰᠢᠭ ᠰᠢᠮ᠎ᠠ ᠶᠢ ᠭᠠᠳᠠᠭᠰᠢ ᠭᠠᠷᠭᠠᠬᠤ ᠶᠢ ᠰᠢᠯᠭᠠᠨ ᠪᠠᠶᠢᠴᠠᠭᠠᠬᠤ | ᠳᠤᠭᠤᠷᠢᠭ ᠢ ᠪᠠᠶᠢᠭᠤᠯᠬᠤ ᠳᠤᠬᠢᠶᠠᠯ ᠳᠤ ᠵᠤᠬᠢᠴᠠᠭᠤᠯᠤᠨ᠂ ᠮᠠᠯ ᠤᠨ ᠠᠰᠢᠭ ᠰᠢᠮ᠎ᠠ ᠶᠢᠨ ᠵᠠᠬ᠎ᠠ ᠳᠡᠯᠬᠡᠬᠦᠷ ᠤᠨ | ᠤᠷᠤᠨ ᠵᠠᠢ ᠶᠢ ᠦᠷᠬᠡᠤᠨᠬᠡᠵᠤ᠂ ᠬᠡᠪᠴᠢᠶᠡᠵᠢᠭᠰᠡᠨ ᠳᠡᠵᠢᠬᠡᠨ ᠦᠷᠡᠵᠢᠬᠦᠯᠤᠯᠳᠠ᠂ ᠨᠠᠷᠢᠯᠢᠭ ᠪᠤᠯᠪᠠᠰᠤᠷᠠᠭᠤᠯᠤᠯᠳᠠ᠂ | ᠨᠡᠷᠡᠳᠤ ᠳᠡᠮᠳᠡᠭ ᠤᠨ ᠬᠦᠭᠵᠢᠬᠦᠯᠤᠯᠳᠠ᠂ ᠵᠠᠬ᠎ᠠ ᠳᠡᠯᠬᠡᠬᠦᠷᠵᠢᠭᠰᠡᠨ ᠡᠷᠬᠢᠯᠳᠠ ᠶᠢ ᠦᠷᠬᠡᠤᠨᠬᠡᠵᠤ᠂ ᠤᠶᠢᠯᠡᠤᠨᠪᠤᠷᠢᠯᠡᠬᠦ᠂ | ᠪᠤᠯᠪᠠᠰᠤᠷᠠᠭᠤᠯᠬᠤ᠂ ᠬᠦᠢᠯᠬᠡᠬᠦᠯᠬᠦ᠂ ᠪᠤᠷᠤᠯᠠᠭᠤᠯᠬᠤ ᠶᠢ ᠨᠢᠬᠡ ᠴᠤᠭᠴᠠᠵᠢᠭᠤᠯᠤᠭᠰᠡᠨ ᠬᠦᠭᠵᠢᠯᠳᠠ ᠶᠢᠨ ᠪᠦᠳᠤᠴᠠ | ᠶᠢ ᠪᠦᠷᠢᠯᠳᠤᠬᠦᠯᠤᠨ᠎ᠠ᠃ ᠤᠳᠤᠬᠠᠨ ᠤ ᠳᠠᠷᠢᠵᠤ ᠲᠡᠵᠢᠭᠡᠭᠦ ᠪᠤᠯᠪᠠᠰᠤᠷᠠᠭᠤᠯᠬᠤ ᠲᠦᠷᠤᠯ ᠵᠦᠢᠯ ᠢ ᠡᠬᠢᠯᠡᠨ | ᠪᠠᠶᠢᠭᠤᠯᠤᠭᠰᠡᠨ ᠰᠠᠭᠤᠷᠢᠨ ᠳᠡᠬᠡᠷ᠎ᠠ᠂ ᠮᠠᠯ ᠳᠠᠷᠢᠶᠠᠯᠠᠩ ᠤᠨ ᠪᠦᠳᠤᠬᠡᠭᠳᠡᠬᠦᠨ ᠤᠶᠢᠯᠡᠤᠨᠪᠤᠷᠢᠯᠡᠬᠦ᠂ ᠪᠤᠯᠪᠠᠰᠤᠷᠠᠭᠤᠯᠬᠤ | ᠂ ᠬᠦᠢᠯᠬᠡᠬᠦᠯᠬᠦ ᠳᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠠᠪᠴᠢᠷᠠᠵᠤ᠂ ︽ᠳᠠᠶᠢᠴᠢᠯᠠᠬᠤ ᠴᠢᠨᠠᠷ︾ ᠲᠠᠢ ᠠᠵᠤ | ᠤᠶᠢᠯᠡᠰ ᠤᠨ ᠬᠦᠭᠵᠢᠯᠳᠠ ᠶᠢᠨ ᠵᠠᠭᠪᠤᠷ ᠢ ᠪᠤᠢ ᠪᠤᠯᠭᠠᠨ᠎ᠠ᠃ ᠰᠢᠨ᠎ᠠ ᠪᠠᠷ 1 ᠲᠦᠮᠡᠨ ᠮᠤ᠋ ᠤᠳᠤ ᠥᠶ᠎ᠡ ᠶᠢᠨ | ᠳᠠᠷᠢᠶᠠᠯᠠᠩ ᠤᠨ ᠰᠠᠭᠤᠷᠢᠨ ᠭᠠᠵᠠᠷ ᠢ ᠪᠠᠶᠢᠭᠤᠯᠵᠤ᠂ ᠵᠢᠯ ᠳᠤ 2000 ᠠᠯᠠᠰᠢᠨ ᠮᠠᠯ ᠪᠤᠷᠤᠯᠠᠭᠤᠯᠬᠤ | ᠬᠡᠪᠴᠢᠶᠠᠵᠢᠯ ᠪᠦᠬᠦᠢ ᠳᠡᠵᠢᠬᠡᠨ ᠦᠷᠡᠵᠢᠬᠦᠯᠬᠦ ᠬᠦᠷᠢᠶᠠᠯᠡᠩ ᠢ 2 ᠬᠦᠭᠵᠢᠬᠦᠯᠵᠤ᠂ ᠤᠳᠤ ᠦᠶ᠎ᠡ ᠶᠢᠨ ᠬᠡᠷ ᠪᠦᠯᠢ | ᠶᠢᠨ ᠮᠠᠯᠵᠢᠯ ᠤᠨ ᠳᠠᠯᠠᠪᠠᠢ ᠶᠢ 150 ᠪᠠᠶᠢᠭᠤᠯᠤᠨ᠎ᠠ᠃ ᠮᠠᠯ ᠳᠠᠷᠢᠶᠠᠯᠠᠩ ᠤᠨ ᠠᠵᠤ ᠤᠶᠢᠯᠡᠰ ᠤᠨ ᠬᠡᠯᠬᠢᠶᠡᠵᠢᠯ ᠢ | ᠤᠷᠳᠤᠤᠨᠬᠠᠨ᠂ ᠪᠦᠳᠤᠬᠡᠭᠳᠡᠬᠦᠨ ᠤ ᠦᠷᠳᠡᠭ ᠢ ᠳᠡᠬᠡᠭᠰᠢᠯᠡᠬᠦᠯᠵᠤ᠂ ᠮᠠᠯ ᠳᠠᠷᠢᠶᠠᠯᠠᠩ ᠤᠨ ᠤᠶᠢᠯᠡᠰ ᠤᠨ ᠠᠵᠤ | ᠤᠶᠢᠯᠡᠰᠵᠢᠭᠰᠡᠨ ᠬᠦᠭᠵᠢᠯᠳᠠ ᠶᠢᠨ ᠠᠬᠢᠴᠠ ᠶᠢ ᠲᠦᠷᠬᠡᠤᠨᠬᠡᠨ᠎ᠠ᠃ | ᠭᠤᠷᠪᠠᠳᠤᠭᠠᠷ ᠠᠵᠤ ᠥᠢᠯᠡᠰ ᠤᠨ ᠭᠥᠭᠵᠢᠯᠳᠡ ᠶᠢᠨ ᠲᠥᠪᠰᠢᠨ ᠢ ᠲᠡᠭᠡᠭᠰᠢᠯᠡᠭᠦᠯᠥᠨ᠎ᠡ᠃ ᠰᠢᠨ᠎ᠡ ᠬᠡᠪ | ᠪᠠᠶᠢᠳᠠᠯ ᠳᠤ ᠬᠢ ᠰᠤᠶᠤᠯ ᠵᠢᠭᠤᠯᠴᠢᠯᠠᠯ ᠤᠨ ᠥᠢᠯᠡᠰ ᠤᠨ ᠰᠢᠨ᠎ᠡ ᠬᠠᠨᠳᠤᠰᠢ ᠶᠢ ᠴᠢᠬᠤᠯᠠᠴᠢᠯᠠᠵᠤ᠂ ᠤᠳᠤ ᠥᠶ᠎ᠡ | ᠶᠢᠨ ᠥᠢᠯᠡᠴᠢᠯᠡᠭᠡᠨ ᠤ ᠥᠢᠯᠡᠰ ᠤᠨ ᠤᠯᠠᠨ ᠶᠠᠩᠵᠤᠳᠤ ᠴᠢᠨᠠᠷ ᠪᠤᠯᠤᠨ ᠠᠵᠤ ᠥᠢᠯᠡᠰ ᠤᠨ ᠬᠠᠮ ᠴᠢᠨᠠᠷ ᠢ | ᠭᠥᠭᠵᠢᠭᠦᠯᠥᠨ᠎ᠡ᠃ ᠤᠷᠳᠤᠰ ᠤᠨ ᠥᠵᠡᠮᠵᠢ ᠶᠢᠨ ᠵᠠᠮ ᠤᠨ ᠪᠠᠶᠢᠭᠤᠯᠤᠯᠳᠠ ᠶᠢ ᠲᠥᠷᠭᠡᠳᠭᠡᠨ᠂ ᠶᠡᠭᠡ ᠲᠤᠯᠤᠨ | ᠪᠤᠯᠤᠨ ᠱᠠᠩᠬᠠᠢ ᠶᠢᠨ ᠰᠦᠮ᠎ᠠ ᠶᠢᠨ ᠨᠠᠷᠬᠢᠶᠠᠨᠳᠤ ᠲᠠᠯ᠎ᠠ ᠨᠤᠳᠤᠭ ᠵᠡᠷᠭᠡ ᠵᠢᠭᠤᠯᠴᠢᠯᠠᠯ ᠤᠨ ᠭᠠᠵᠠᠷ ᠤᠨ ᠰᠠᠭᠤᠷᠢ | ᠲᠥᠭᠦᠭᠡᠷᠤᠮᠵᠢ ᠶᠢ ᠥᠷᠭᠦᠯᠵᠢᠯᠡᠨ ᠰᠠᠶᠢᠵᠢᠷᠠᠭᠤᠯᠵᠤ᠂ ᠤᠷᠳᠤᠰ ᠰᠤᠶᠤᠯ ᠤᠨ ᠵᠢᠭᠤᠯᠴᠢᠯᠠᠯ ᠤᠨ ᠲᠤᠰᠬᠤᠨ᠂ ᠶᠡᠭᠡ | ᠬᠠᠭᠠᠨ ᠤ ᠶᠠᠪᠤᠭᠤᠯ ᠤᠷᠳᠤᠨ ᠵᠡᠷᠭᠡ ᠶᠢᠨ ᠭᠥᠯᠢᠶᠡᠨ ᠵᠤᠴᠢᠯᠠᠬᠤ ᠴᠢᠳᠠᠪᠬᠢ ᠶᠢ ᠴᠢᠩᠭᠠᠤᠨᠬᠠᠨ᠂ ᠬᠠᠪᠢ | ᠵᠡᠷᠬᠡᠯᠡᠳᠡᠭᠡ ᠭᠠᠵᠠᠷ ᠤᠷᠤᠨ ᠲᠠᠢ ᠪᠠᠨ ᠬᠠᠷᠢᠯᠴᠠᠨ ᠨᠥᠭᠦᠴᠡᠯᠳᠥᠭᠰᠡᠨ ᠠᠳᠠᠯᠢ ᠪᠤᠰᠤ ᠰᠤᠶᠤᠯ ᠤᠨ ᠵᠢᠭᠤᠯᠴᠢᠯᠠᠯ | ᠤᠨ ᠲᠤᠭᠳᠠᠴᠠ ᠶᠢ ᠪᠥᠷᠢᠯᠳᠥᠭᠦᠯᠥᠨ᠎ᠡ᠃ ᠰᠤᠶᠤᠯ ᠤᠷᠠᠯᠢᠭ ᠤᠨ ᠥᠢᠯᠡᠰ ᠢ ᠭᠥᠭᠵᠢᠭᠦᠯᠥᠨ᠂ ᠤᠨᠴᠠᠯᠢᠭᠳᠤ | ᠰᠤᠳᠤᠨ ᠰᠤᠶᠤᠯ ᠵᠢᠭᠤᠯᠴᠢᠯᠠᠯ ᠤᠨ ᠥᠢᠯᠡ ᠶᠢ ᠪᠥᠳᠥᠭᠡᠵᠥ᠂ ᠲᠠᠶᠢᠯᠭ᠎ᠠ ᠲᠠᠬᠢᠯᠭ᠎ᠠ ᠶᠢᠨ ᠰᠤᠶᠤᠯ᠂ ᠤᠷᠳᠤᠰ | ᠬᠤᠷᠢᠮ ᠤᠨ ᠰᠤᠶᠤᠯ᠂ ᠠᠳᠤᠭᠤᠨ ᠰᠤᠶᠤᠯ ᠢᠶᠠᠷ ᠤᠨᠴᠠᠯᠢᠭᠵᠢᠭᠤᠯᠤᠭᠰᠠᠨ ᠵᠢᠭᠤᠯᠴᠢᠯᠠᠯ ᠤᠨ ᠨᠡᠷᠡᠳᠤ ᠲᠡᠮᠳᠡᠭ ᠢ | ᠡᠭᠦᠳᠥᠨ᠂ ᠰᠤᠶᠤᠯ ᠵᠢᠭᠤᠯᠴᠢᠯᠠᠯ ᠤᠨ ᠥᠢᠯᠡᠰ ᠤᠨ ᠭᠥᠭᠵᠢᠯᠳᠡ ᠶᠢᠨ ᠲᠡᠰ ᠲᠠᠪᠬᠤᠷᠭ᠎ᠠ ᠪᠤᠯᠤᠨ ᠬᠢᠷᠢ ᠲᠥᠪᠰᠢᠨ | ᠢ ᠲᠡᠭᠡᠭᠰᠢᠯᠡᠭᠦᠯᠥᠨ᠎ᠡ᠃ ᠨᠤᠮ ᠤᠨ ᠰᠠᠩ᠂ ᠰᠤᠶᠤᠯ ᠤᠨ ᠤᠷᠳᠤᠨ᠂ ᠮᠥᠽᠸᠢ ᠵᠡᠷᠭᠡ ᠶᠢ ᠠᠰᠢᠭᠯᠠᠯᠳᠠ ᠳᠤ | ᠤᠷᠤᠭᠤᠯᠤᠨ᠂ ᠰᠤᠶᠤᠯ ᠤᠨ ᠠᠵᠤ ᠥᠢᠯᠡᠰ ᠤᠨ ᠡᠵᠡᠩᠨᠡᠯᠳᠠ ᠪᠤᠯᠤᠨ ᠵᠢᠭᠤᠯᠴᠢᠯᠠᠯ ᠤᠨ ᠥᠢᠯᠡᠰ ᠢ | ᠤᠶᠠᠯᠳᠤᠭᠤᠯᠤᠨ ᠭᠥᠭᠵᠢᠭᠦᠯᠵᠥ᠂ ᠪᠤᠳᠠᠳᠤ ᠭᠥᠴᠥᠨ ᠢᠶᠠᠷ ᠴᠢᠩᠭ᠎ᠠ᠂ ᠥᠷᠢᠰᠭᠦ ᠭᠥᠴᠥᠨ ᠲᠡᠭᠦᠯᠳᠡᠷ ᠠᠵᠤ | ᠠᠬᠤᠶᠢᠯᠠᠯ ᠢ ᠤᠷᠤᠭᠤᠯᠤᠨ ᠨᠡᠭᠡᠭᠡᠯᠳᠡ ᠪᠠᠶᠢᠭᠤᠯᠤᠯᠳᠠ ᠬᠢᠯᠭᠡᠨ᠎ᠡ᠃ ᠡᠷᠡᠭᠦᠯ ᠪᠥᠳᠥᠨ ᠨᠠᠰᠤᠵᠢᠯ ᠤᠨ ᠠᠵᠤ | ᠥᠢᠯᠡᠰ ᠢ ᠢᠳᠡᠪᠬᠢᠳᠠᠢ ᠪᠤᠶᠢᠵᠢᠭᠤᠯᠵᠤ᠂ ᠦᠨᠳᠤᠰᠤᠳᠠᠨ ᠤ ᠭᠠᠷ ᠤᠷᠠᠯᠠᠯ ᠪᠤᠯᠤᠨ ᠦᠵᠡᠰᠬᠦᠯᠡᠩ ᠂ ᠤᠷᠠᠨ | ᠵᠢᠷᠤᠭ ᠪᠢᠴᠢᠯᠭᠡ ᠵᠡᠷᠬᠡ ᠰᠢᠨ᠎ᠠ ᠠᠵᠤ ᠤᠶᠢᠯᠡᠰ ᠢ ᠬᠦᠭᠵᠢᠬᠦᠯᠤᠨ᠂ ᠤᠳᠤ ᠥᠶ᠎ᠡ ᠶᠢᠨ ᠤᠶᠢᠯᠡᠴᠢᠯᠡᠬᠡᠨ ᠤ ᠥᠢᠯᠡᠰ | ᠢ ᠠᠵᠤ ᠠᠬᠤᠢ ᠨᠡᠶᠢᠭᠡᠮ ᠤᠨ ᠭᠥᠭᠵᠢᠭᠦᠯᠥᠯᠳᠡ ᠶᠢᠨ ᠰᠢᠨ᠎ᠡ ᠴᠡᠭ ᠪᠤᠯᠭᠠᠨ᠎ᠠ᠃ ᠮᠥᠩᠭᠦᠨ ᠭᠥᠢᠯᠭᠡᠭᠡᠨ ᠤ ᠰᠠᠯᠠᠭ᠎ᠠ | ᠮᠥᠴᠢᠷ ᠤᠨ ᠡᠯ᠎ᠡ ᠲᠥᠷᠥᠯ ᠤᠨ ᠵᠢᠭᠡᠯᠡᠯᠭᠡ ᠶᠢᠨ ᠥᠢᠯᠡᠴᠢᠯᠡᠭᠡ ᠶᠢ ᠢᠳᠡᠪᠬᠢᠳᠡᠢ ᠵᠤᠷᠢᠭᠵᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠤ ᠠᠷᠠᠳ ᠲᠤ ᠲᠥᠭᠦᠮ ᠥᠵᠡᠭᠦᠯᠭᠦ ᠮᠥᠩᠭᠦᠨ ᠭᠥᠢᠯᠭᠡᠭᠡᠨ ᠤ ᠲᠥᠭᠦᠭᠡᠷᠥᠮᠵᠢ ᠳᠤ ᠬᠢ | ᠤᠷᠤᠭᠤᠯᠤᠯᠳᠠ ᠶᠢ ᠨᠡᠮᠡᠭᠳᠡᠭᠦᠯᠥᠨ᠂ ᠮᠠᠯᠵᠢᠬᠤ ᠲᠠᠷᠢᠶᠠᠯᠠᠬᠤ ᠤᠷᠤᠨ ᠤ ᠭᠥᠭᠵᠢᠯᠳᠡ ᠳᠤ ᠬᠢ ᠮᠥᠩᠭᠦᠨ ᠭᠥᠢᠯᠭᠡᠭᠡᠨ | ᠤ ᠱᠠᠭᠠᠷᠳᠠᠯᠭ᠎ᠠ ᠶᠢ ᠬᠠᠩᠭᠠᠨ᠎ᠠ᠃ ᠤᠯᠵᠠᠴᠢ ᠶᠢᠨ ᠪᠠᠷᠠᠭ᠎ᠠ ᠭᠥᠢᠯᠭᠡᠭᠡᠨ ᠤ ᠥᠢᠯᠡᠴᠢᠯᠡᠭᠡ ᠶᠢᠨ ᠭᠥᠷᠢᠶᠡᠯᠡᠩ ᠤᠨ | ᠪᠠᠶᠢᠭᠤᠯᠤᠯᠳᠠ ᠶᠢ ᠡᠬᠢᠯᠡᠭᠦᠯᠵᠥ᠂ ᠨᠢᠩᠰᠢᠶᠡ ᠶᠢᠨ ᠪᠠᠷᠠᠭ᠎ᠠ ᠭᠥᠢᠯᠭᠡᠭᠡᠨ ᠤ ᠲᠠᠪᠠᠭᠤᠯᠢᠭ ᠪᠤᠯᠤᠨ ᠮᠠᠨ ᠤ | ᠬᠤᠰᠢᠭᠤᠨ ᠤ ᠤᠳᠤᠬᠠᠨ ᠪᠠᠶᠢᠭᠤᠯᠤᠭᠳᠠᠬᠤ ᠵᠠᠰᠠᠮᠠᠯ ᠵᠠᠮ᠂ ᠲᠡᠮᠥᠷ ᠵᠠᠮ᠂ ᠨᠢᠰᠬᠡᠯ ᠤᠨ ᠪᠠᠭᠤᠳᠠᠯ ᠤᠨ ᠪᠥᠭᠦ | ᠴᠤᠭᠴᠠᠳᠤ ᠨᠡᠪᠳᠡᠷᠯᠡᠭᠡ ᠳᠤ ᠲᠥᠰᠢᠭᠯᠡᠨ᠂ ᠤᠳᠤ ᠥᠶ᠎ᠡ ᠶᠢᠨ ᠪᠠᠷᠠᠭ᠎ᠠ ᠭᠥᠢᠯᠭᠡᠭᠡ ᠶᠢᠨ ᠭᠥᠭᠵᠢᠯᠳᠡ ᠶᠢᠨ | ᠲᠥᠯᠥᠪᠯᠡᠭᠡ ᠶᠢ ᠲᠤᠭᠳᠠᠭᠠᠵᠤ᠂ ᠪᠠᠷᠠᠭ᠎ᠠ ᠭᠥᠢᠯᠭᠡᠭᠡᠨ ᠤ ᠰᠠᠭᠤᠷᠢᠨ ᠢ ᠲᠥᠰᠥᠪᠯᠡᠨ ᠪᠠᠶᠢᠭᠤᠯᠤᠨ᠎ᠠ᠃ | ︵ᠬᠤᠶᠠᠷ︶ ᠨᠢᠭᠡᠳᠥᠯᠳᠡᠢ ᠲᠤᠬᠢᠷᠠᠭᠤᠯᠤᠨ ᠨᠡᠶᠢᠳᠡ ᠳᠤ ᠨᠢ ᠬᠠᠷᠠᠭᠠᠯᠵᠠᠵᠤ᠂ ᠬᠤᠳᠠ ᠭᠥᠳᠡᠭᠡ ᠶᠢᠨ | ᠭᠥᠭᠵᠢᠯᠳᠡ ᠶᠢᠨ ᠤᠷᠴᠢᠨ ᠢ ᠰᠢᠯᠢᠳᠡᠭᠵᠢᠭᠦᠯᠥᠨ᠎ᠡ | ᠬᠤᠳᠠ ᠭᠥᠳᠡᠭᠡ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠭᠥᠨᠵᠡᠭᠡᠶᠢᠷᠡᠭᠦᠯᠥᠨ᠎ᠡ᠃ ᠬᠤᠳᠠ | ᠭᠥᠳᠡᠭᠡ ᠶᠢ ᠨᠢᠭᠡᠳᠥᠯᠳᠡᠢ ᠲᠥᠯᠥᠪᠵᠢᠭᠦᠯᠥᠨ ᠡᠷᠴᠢᠮᠵᠢᠭᠦᠯᠥᠨ ᠭᠥᠭᠵᠢᠭᠦᠯᠭᠦ ᠪᠤᠳᠤᠯᠭ᠎ᠠ ᠪᠤᠯᠤᠨ ︽ᠵᠢᠷᠭᠤᠭ᠎ᠠ ᠶᠢ | ᠴᠤᠭᠴᠠᠵᠢᠭᠤᠯᠬᠤ︾ ᠲᠥᠯᠥᠪᠯᠡᠭᠡ ᠶᠢ ᠤᠶᠠᠯᠳᠤᠭᠤᠯᠵᠤ᠂ ᠭᠥᠮᠥᠨ ᠠᠷᠠᠳ ᠤᠨ ᠠᠵᠢᠯ ᠠᠮᠢᠳᠤᠷᠠᠯ ᠳᠤ | ᠵᠤᠬᠢᠴᠠᠭᠤᠯᠤᠭᠰᠠᠨ ᠰᠢᠨ᠎ᠠ ᠭᠡᠯᠪᠡᠷᠢ ᠶᠢᠨ ᠬᠤᠳᠠ ᠪᠠᠯᠭᠠᠰᠤᠨ ᠤ ᠭᠥᠭᠵᠢᠯᠳᠡ ᠶᠢᠨ ᠤᠶᠢᠯᠠᠭᠠᠳᠠᠬᠤᠨ ᠢ | ᠤᠷᠤᠨᠵᠢᠭᠤᠯᠤᠨᠠ᠃ ᠬᠤᠳᠠ ᠪᠠᠯᠭᠠᠰᠤᠨ ᠤ ᠥᠢᠯᠡᠴᠢᠯᠡᠭᠡᠨ ᠤ ᠴᠢᠳᠠᠪᠬᠢ ᠶᠢ ᠥᠷᠭᠦᠯᠵᠢᠯᠡᠨ ᠲᠡᠭᠦᠯᠳᠡᠷᠵᠢᠭᠦᠯᠥᠨ᠎ᠡ᠃ | ᠤᠳᠤ ᠪᠠᠶᠢᠬᠤ ᠲᠥᠭᠦᠭᠡᠷᠤᠮᠵᠢ ᠶᠢᠨ ᠰᠠᠭᠤᠷᠢᠨ ᠲᠡᠭᠡᠷ᠎ᠡ ᠲᠥᠯᠥᠪᠵᠢᠭᠦᠯᠭᠡ ᠪᠠᠷ ᠵᠢᠯᠤᠭᠤᠳᠤᠭᠤᠯᠤᠨ ᠡᠯ᠎ᠡ ᠭᠠᠴᠠᠭ᠎ᠠ | ᠲᠤᠰᠬᠤᠨ ᠤ ᠤᠳᠤ ᠥᠶ᠎ᠡ ᠶᠢᠨ ᠮᠠᠯ ᠲᠠᠷᠢᠶᠠᠯᠠᠩ᠂ ᠶᠠᠳᠠᠭᠤ ᠶᠢ ᠲᠡᠳᠭᠦᠭᠦ ᠠᠵᠢᠯ᠂ ᠨᠤᠳᠤᠭ ᠤᠨ ᠵᠠᠩ ᠰᠤᠷᠳᠠᠯ | ᠤᠨ ᠪᠤᠯᠪᠠᠰᠤᠨ᠂ ᠰᠤᠶᠤᠯ ᠵᠢᠭᠤᠯᠴᠢᠯᠠᠯ᠂ ᠭᠠᠴᠠᠭᠠᠨ ᠵᠠᠮ ᠵᠡᠷᠭᠡ ᠶᠢᠨ ᠢᠨᠵᠧᠨᠧᠷᠢᠩ ᠢ ᠴᠢᠩᠭᠠᠳᠬᠠᠵᠤ᠂ | ᠰᠢᠯᠵᠢᠭᠰᠡᠨ ᠮᠠᠯᠴᠢᠨ ᠲᠠᠷᠢᠶᠠᠴᠢᠳ ᠤᠨ ᠠᠵᠢᠯ ᠤᠯᠤᠯᠳᠠ᠂ ᠰᠤᠷᠭᠠᠨ ᠭᠥᠮᠥᠵᠢᠯ᠂ ᠠᠮᠢᠳᠤᠷᠠᠯ ᠰᠠᠭᠤᠷᠢᠰᠢᠯ ᠤᠨ | ᠠᠵᠢᠯ ᠢ ᠠᠬᠢᠭᠤᠯᠤᠨ᠂ ᠨᠡᠶᠢᠭᠡᠮ ᠲᠤᠭᠤᠷᠢᠭ ᠤᠨ ᠥᠢᠯᠡᠴᠢᠯᠡᠭᠡ ᠶᠢ ᠴᠢᠩᠭᠠᠳᠬᠠᠵᠤ᠂ ᠥᠵᠡᠰᠭᠦᠯᠡᠩᠳᠤ ᠰᠢᠨ᠎ᠡ | ᠮᠠᠯᠵᠢᠬᠤ ᠲᠠᠷᠢᠶᠠᠯᠠᠬᠤ ᠤᠷᠤᠨ ᠤ ᠴᠤᠭᠴᠠᠯᠠᠯᠳᠠ ᠶᠢ ᠪᠡᠶᠡᠯᠡᠭᠦᠯᠥᠨ᠎ᠡ᠃ | ᠰᠠᠭᠤᠷᠢ ᠲᠥᠭᠦᠭᠡᠷᠤᠮᠵᠢ ᠶᠢᠨ ᠪᠠᠶᠢᠭᠤᠯᠤᠯᠳᠠ ᠶᠢ ᠲᠡᠭᠦᠯᠳᠡᠷᠵᠢᠭᠦᠯᠥᠨ᠎ᠡ᠃ ᠲᠤᠯᠢ ᠠᠴᠠ ᠱᠠᠩᠬᠠᠢ ᠶᠢᠨ | ᠰᠥᠮ᠎ᠡ ᠭᠥᠷᠭᠦ ᠲᠡᠮᠤᠷ ᠵᠠᠮ ᠤᠨ ᠪᠠᠶᠢᠭᠤᠯᠤᠯᠳᠠ ᠪᠤᠯᠤᠨ S216 ᠱᠤᠭᠤᠮ ᠤᠨ ᠨᠢᠭᠡᠳᠥᠭᠡᠷ ᠲᠡᠰ ᠠᠴᠠ ᠲᠥᠷᠭᠡᠨ | ᠵᠠᠮ ᠪᠤᠯᠭᠠᠬᠤ ᠦᠬᠡᠷᠡᠴᠢᠯᠠᠯᠳᠠ ᠶᠢᠨ ᠢᠨᠵᠧᠨᠧᠷᠢᠩ ᠢ ᠲᠥᠷᠭᠡᠳᠭᠡᠨ᠂ ᠨᠡᠶᠢᠳᠡᠮ ᠭᠡᠷᠡᠭᠯᠡᠭᠡᠨ ᠤ ᠨᠢᠰᠭᠡᠯ ᠤᠨ | ᠪᠠᠭᠤᠳᠠᠯ ᠪᠠ ᠤᠯᠵᠠᠴᠢ ᠠᠴᠠ ᠳ᠋ᠥᠩ ᠳ᠋ᠤᠤ ᠯᠢᠶᠠᠩ ᠭᠥᠷᠭᠦ ᠲᠥᠷᠭᠡᠨ ᠵᠠᠮ ᠵᠡᠷᠭᠡ ᠶᠢ ᠲᠤᠰ ᠵᠢᠯ ᠳᠤ ᠪᠠᠷᠢᠯᠭ᠎ᠠ | ᠡᠬᠢᠯᠡᠭᠦᠯᠭᠦ ᠪᠠᠷ ᠴᠢᠷᠮᠠᠶᠢᠵᠤ᠂ ᠭᠠᠴᠠᠭ᠎ᠠ ᠲᠤᠰᠬᠤᠨ ᠤ ᠵᠠᠮ ᠤᠨ ᠲᠤᠤᠷᠵᠢᠯ ᠢ ᠥᠷᠭᠦᠯᠵᠢᠯᠡᠨ ᠵᠠᠰᠠᠵᠤ | ᠲᠡᠭᠦᠯᠳᠡᠷᠵᠢᠭᠦᠯᠤᠨ᠂ ᠤᠯᠠᠨ ᠲᠥᠮᠡᠨ ᠳᠤ ᠲᠥᠭᠦᠮ ᠥᠵᠡᠭᠦᠯᠥᠨ᠎ᠡ᠃ ᠴᠠᠬᠢᠯᠭᠠᠨ ᠤ ᠲᠥᠭᠦᠭᠡᠷᠤᠮᠵᠢ ᠶᠢ | ᠲᠡᠭᠦᠯᠳᠡᠷᠵᠢᠭᠦᠯᠥᠨ ᠮᠠᠩᠬᠠᠳᠤ ᠡᠵᠡᠮᠰᠢᠯ ᠦᠷᠳᠡᠭᠡ᠂ ᠬᠡᠷᠡᠮ ᠤᠨ ᠭᠤᠤᠯ᠂ ᠤᠯᠵᠠᠴᠢ ᠪᠤᠯᠤᠨ ᠬᠤᠩ ᠴᠢ ᠶᠢᠨ | ᠪᠠᠭᠳᠠᠭᠠᠮᠵᠢ ᠨᠡᠮᠡᠭᠳᠡᠭᠦᠯᠥᠨ ᠭᠥᠴᠥᠳᠡᠯ ᠬᠤᠪᠢᠰᠬᠠᠬᠤ ᠢᠨᠵᠧᠨᠧᠷᠢᠩ ᠢ ᠠᠵᠢᠯ ᠡᠬᠢᠯᠡᠭᠦᠯᠵᠥ᠂ ᠰᠢᠨ᠎ᠡ ᠪᠠᠷ 629 | ᠺᠢᠯᠤᠮᠧᠲᠷ ᠤᠨ ᠴᠠᠬᠢᠯᠭᠠᠨ ᠱᠤᠭᠤᠮ ᠨᠡᠮᠡᠨ᠂ ᠬᠤᠳᠠ ᠭᠥᠳᠡᠭᠡ ᠶᠢᠨ ᠭᠥᠭᠵᠢᠯᠳᠡ ᠶᠢᠨ ᠤᠷᠴᠢᠨ ᠢ ᠲᠠᠰᠤᠷᠠᠯᠳᠠ | ᠥᠭᠡᠢ ᠰᠢᠯᠢᠳᠡᠭᠵᠢᠭᠦᠯᠥᠨ᠎ᠡ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠥᠷᠭᠡᠳᠭᠡᠨ᠎ᠡ᠃ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠲᠥᠯᠥᠪᠯᠡᠭᠡ ᠲᠤᠭᠳᠠᠭᠠᠯᠳᠠ ᠶᠢ ᠲᠥᠷᠭᠡᠳᠭᠡᠨ᠂ ︽ᠭᠤᠷᠪᠠᠨ ᠤᠷᠤᠨ︾ ᠤ ᠲᠥᠯᠥᠪᠵᠢᠭᠦᠯᠭᠡ | ᠂ ᠮᠠᠯ ᠪᠡᠯᠴᠢᠭᠡᠷᠯᠡᠭᠦᠯᠭᠦ ᠶᠢ ᠬᠤᠷᠢᠭᠯᠠᠬᠤ᠂ ᠰᠡᠯᠭᠦᠨ ᠮᠠᠯᠵᠢᠬᠤ ᠪᠤᠯᠤᠨ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ | ᠲᠤᠭ᠎ᠠ ᠲᠤᠯᠤᠭᠠᠢ ᠲᠤᠭᠳᠠᠭᠠᠬᠤ ᠲᠥᠷᠥ ᠶᠢᠨ ᠪᠤᠳᠤᠯᠭ᠎ᠠ ᠶᠢ ᠥᠷᠭᠦᠯᠵᠢᠯᠡᠨ ᠲᠡᠭᠦᠯᠳᠡᠷᠵᠢᠭᠦᠯᠵᠥ᠂ ᠪᠡᠭᠡᠵᠢᠩ | ᠲᠢᠶᠠᠨᠵᠢᠨ ᠤ ᠡᠯᠡᠰᠤ ᠰᠢᠷᠤᠢ ᠶᠢᠨ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠠᠵᠢᠯ᠂ ᠭᠥᠷᠥᠰᠤ ᠰᠢᠷᠥᠢ | ᠵᠠᠰᠠᠬᠤ ᠵᠡᠷᠭᠡ ᠠᠮᠢ ᠠᠬᠤᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠬᠢᠨᠠᠮᠠᠭᠠᠢ ᠭᠡᠷᠡᠭᠵᠢᠭᠦᠯᠥᠨ᠂ ᠤᠢ ᠰᠢᠭᠤᠢ | ᠶᠢᠨ ᠪᠥᠷᠭᠦᠴᠡ ᠪᠤᠯᠤᠨ ᠤᠷᠭᠤᠮᠠᠯ ᠤᠨ ᠪᠥᠷᠭᠦᠪᠴᠢ ᠶᠢᠨ ᠨᠤᠷᠮ᠎ᠠ ᠶᠢ ᠲᠡᠭᠡᠭᠰᠢᠯᠡᠭᠦᠯᠵᠥ᠂ ᠠᠮᠢ ᠠᠬᠤᠢ ᠶᠢᠨ | ᠪᠠᠶᠢᠭᠤᠯᠤᠯᠳᠠ ᠶᠢᠨ ᠪᠥᠳᠤᠮᠵᠢ ᠶᠢ ᠤᠯᠠᠮ ᠪᠠᠬᠢᠵᠢᠭᠦᠯᠭᠦ ᠪᠠ ᠥᠷᠭᠡᠳᠭᠡᠨ᠎ᠡ︔ ᠪᠥᠭᠦ ᠬᠤᠰᠢᠭᠤᠨ ᠤ ᠤᠰᠤᠨ ᠡᠬᠢ | ᠰᠤᠷᠪᠤᠯᠵᠢ ᠶᠢᠨ ᠠᠰᠢᠭᠯᠠᠯᠳᠠ ᠭᠥᠭᠵᠢᠭᠦᠯᠥᠯᠳᠡ ᠶᠢᠨ ᠲᠥᠯᠥᠪᠯᠡᠭᠡ ᠲᠤᠭᠳᠠᠭᠠᠵᠤ᠂ ᠨᠤᠳᠤᠭ ᠪᠡᠯᠴᠢᠭᠡᠷ ᠤᠨ | ᠬᠠᠮᠠᠭᠠᠯᠠᠯᠳᠠ ᠶᠢᠨ ︽ᠲᠥᠭᠰᠢᠭᠦᠷᠢᠳᠤ ᠬᠢᠵᠠᠭᠠᠷ︾ ᠳᠤᠭᠳᠠᠭᠠᠨ᠂ ᠭᠠᠵᠠᠷ ᠲᠤᠤᠷᠠᠬᠢ ᠤᠰᠤᠨ ᠡᠬᠢ ᠰᠤᠷᠪᠤᠯᠵᠢ | ᠶᠢᠨ ︽ᠶᠡᠷᠥᠩᠭᠡᠢ ᠭᠡᠮᠵᠢᠶ᠎ᠡ ᠶᠢ ᠡᠵᠡᠮᠳᠡᠨ᠂ ᠲᠤᠭᠳᠠᠮᠠᠯ ᠲᠤᠭ᠎ᠠ ᠶᠢ ᠬᠠᠮᠠᠭᠠᠯᠠᠬᠤ︾ ᠲᠤᠷᠰᠢᠯᠳᠠ ᠶᠢᠨ ᠠᠵᠢᠯ ᠢ | ᠥᠷᠨᠢᠭᠦᠯᠥᠨ᠂ ᠤᠰᠤ ᠪᠠᠷ ᠨᠡᠭᠡᠭᠡᠯᠳᠡ ᠬᠢᠭᠦ ᠶᠢ ᠡᠷᠡᠰ ᠪᠠᠷᠢᠮᠳᠠᠯᠠᠵᠤ᠂ ᠮᠠᠨ ᠤ ᠬᠤᠰᠢᠭᠤᠨ ᠤ ᠠᠮᠢ ᠠᠬᠤᠢ ᠶᠢᠨ | ᠪᠤᠯᠪᠠᠰᠤᠨ ᠤ ᠭᠥᠭᠵᠢᠯᠳᠡ ᠶᠢᠨ ᠤᠬᠢ ᠡᠷᠬᠢᠯᠳᠡ ᠶᠢ ᠯᠠᠪᠳᠠᠭᠤᠨ ᠬᠠᠮᠠᠭᠠᠯᠠᠨ᠎ᠠ᠃ | ︵ᠭᠤᠷᠪᠠ︶ ᠤᠯᠠᠨ ᠠᠪᠴᠠᠯ ᠢ ᠵᠡᠷᠭᠡ ᠭᠡᠷᠡᠭᠯᠡᠨ ᠠᠷᠠᠳ ᠤᠨ ᠠᠮᠢᠳᠤᠷᠠᠯ ᠢ ᠥᠷᠭᠦᠯᠵᠢᠯᠡᠨ | ᠰᠠᠶᠢᠵᠢᠷᠠᠭᠤᠯᠤᠨ᠎ᠠ | ᠨᠢᠭᠡᠨᠳᠡ ᠲᠤᠭᠳᠠᠭᠠᠭᠰᠠᠨ ᠠᠷᠠᠳ ᠢ ᠬᠠᠷᠠᠭᠠᠯᠵᠠᠬᠤ ᠲᠥᠷᠥ ᠶᠢᠨ ᠪᠤᠳᠤᠯᠭ᠎ᠠ ᠶᠢ ᠡᠮᠬᠢᠯᠡᠨ ᠴᠡᠭᠴᠡᠯᠡᠵᠤ᠂ | ᠲᠥᠭᠡᠮᠡᠯ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢᠨ ᠥᠷᠭᠦᠯᠵᠢᠭᠦᠶᠢᠴᠡ ᠴᠢᠨᠠᠷ ᠢ ᠭᠥᠨᠳᠥᠳᠭᠡᠨ᠂ ᠰᠤᠷᠭᠠᠨ | ᠭᠥᠮᠥᠵᠢᠯ᠂ ᠡᠮ ᠡᠮᠴᠢᠯᠡᠭᠡ᠂ ᠰᠤᠶᠤᠯ᠂ ᠨᠡᠶᠢᠭᠡᠮ ᠤᠨ ᠪᠠᠳᠤᠯᠠᠭ᠎ᠠ ᠵᠡᠷᠭᠡ ᠨᠡᠶᠢᠳᠡ ᠶᠢᠨ ᠥᠢᠯᠡᠴᠢᠯᠡᠭᠡ ᠶᠢᠨ ᠠᠵᠢᠯ | ᠢ ᠨᠢᠭᠡᠳᠥᠯᠳᠡᠢ ᠲᠤᠬᠢᠷᠠᠭᠤᠯᠤᠨ ᠰᠠᠶᠢᠳᠤᠷ ᠬᠢᠨ᠎ᠡ᠃ ᠮᠠᠯᠵᠢᠬᠤ ᠲᠠᠷᠢᠶᠠᠯᠠᠬᠤ ᠤᠷᠤᠨ ᠤ ︽ᠠᠷᠪᠠᠨ ᠪᠥᠭᠦ ᠪᠥᠷᠭᠦᠴᠡ | ︾ ᠶᠢᠨ ᠢᠨᠵᠧᠨᠧᠷᠢᠩ ᠢ ᠭᠤᠤᠯᠳᠠᠯᠭᠠᠳᠠᠢ ᠭᠡᠷᠡᠭᠵᠢᠭᠦᠯᠥᠨ᠂ ᠨᠤᠷᠠᠬᠤ ᠠᠶᠤᠯᠳᠠᠢ ᠭᠡᠷ ᠪᠠᠶᠢᠰᠢᠩ ᠤᠨ | ᠥᠭᠡᠷᠡᠴᠢᠯᠡᠯᠳᠡ᠂ ᠠᠶᠤᠯᠭᠦᠢ ᠤᠰᠤ ᠤᠮᠳᠠ᠂ ᠵᠡᠭᠡᠯᠢ ᠭᠤᠳᠤᠮ ᠤᠨ ᠬᠠᠳᠠᠭᠤᠵᠢᠭᠤᠯᠤᠯᠳᠠ᠂ ᠡᠷᠥᠭᠡ ᠪᠤᠯᠭᠠᠨ ᠳᠤ | ᠴᠠᠬᠢᠯᠭᠠᠨ ᠨᠡᠪᠳᠡᠷᠡᠭᠦᠯᠭᠦ ᠵᠡᠷᠭᠡ ᠠᠵᠢᠯ ᠢ ᠰᠠᠶᠢᠳᠤᠷ ᠪᠡᠶᠡᠯᠡᠭᠦᠯᠵᠥ᠂ ᠠᠷᠠᠳ ᠤᠯᠠᠨ ᠤ ᠠᠮᠢᠳᠤᠷᠠᠯ ᠥᠢᠯᠡᠳᠪᠥᠷᠢᠯᠡᠯ | ᠤᠨ ᠨᠥᠭᠦᠴᠡᠯ ᠢ ᠬᠠᠯᠠᠨ ᠰᠠᠶᠢᠵᠢᠷᠠᠭᠤᠯᠤᠨ᠎ᠠ᠃ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠭᠦᠭᠦ ᠠᠵᠢᠯ ᠢ | ᠤᠯᠠᠮ ᠴᠢᠩᠭᠠᠳᠬᠠᠨ᠂ ︽ᠭᠤᠷᠪᠠ ᠶᠢ ᠭᠥᠷᠭᠡᠵᠥ ᠬᠤᠶᠠᠷ ᠢ ᠴᠢᠩᠭᠠᠳᠬᠠᠬᠤ︾ ᠠᠵᠢᠯ ᠢ ᠰᠠᠶᠢᠳᠤᠷ | ᠨᠠᠶᠢᠳᠠᠪᠤᠷᠢᠵᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠭᠥᠮᠥᠵᠢᠯ ᠤᠨ ᠡᠩ ᠲᠡᠩᠴᠡᠭᠦᠷᠢᠰᠢᠯ ᠤᠨ ᠲᠥᠪᠰᠢᠨ ᠢ | ᠭᠥᠨᠵᠡᠭᠡᠢ ᠠᠬᠢᠭᠤᠯᠵᠤ᠂ ᠰᠤᠷᠭᠠᠨ ᠭᠥᠮᠥᠵᠢᠯ ᠤᠨ ᠰᠠᠭᠤᠷᠢ ᠲᠥᠭᠦᠭᠡᠷᠤᠮᠵᠢ ᠶᠢᠨ ᠪᠠᠶᠢᠭᠤᠯᠤᠯᠳᠠ ᠶᠢ | ᠲᠡᠭᠦᠯᠳᠡᠷᠵᠢᠭᠦᠯᠥᠨ᠎ᠡ᠃ ᠭᠥᠨᠳᠥ ᠶᠡᠭᠡ ᠡᠪᠡᠳᠴᠢᠨ ᠪᠤᠯᠤᠨ ᠠᠮᠢᠳᠤᠷᠠᠯ ᠨᠢ ᠭᠥᠴᠢᠷᠳᠡᠯ ᠲᠠᠢ ᠡᠮᠡᠭᠳᠡᠶᠢᠴᠤᠳ᠂ | ᠤᠨᠴᠠ ᠭᠥᠴᠢᠷᠳᠡᠯ ᠲᠠᠢ ᠭᠥᠮᠥᠰ ᠤᠨ ᠡᠮ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠠᠵᠢᠯ ᠢ ᠰᠠᠶᠢᠳᠤᠷ ᠬᠢᠵᠥ᠂ | ᠪᠠᠳᠤᠯᠠᠭ᠎ᠠ ᠶᠢᠨ ᠲᠥᠪᠰᠢᠨ ᠢ ᠲᠡᠭᠡᠭᠰᠢᠯᠡᠭᠦᠯᠥᠨ᠎ᠡ᠃ ᠨᠡᠶᠢᠭᠡᠮ ᠤᠨ ᠪᠠᠳᠤᠯᠠᠭ᠎ᠠ ᠶᠢᠨ ᠪᠥᠷᠭᠦᠴᠡ ᠶᠢ ᠥᠷᠭᠡᠳᠭᠡᠵᠥ᠂ | ᠠᠵᠢᠯ ᠤᠯᠤᠨ ᠥᠢᠯᠡᠰ ᠪᠥᠳᠥᠭᠡᠭᠦ ᠢ ᠭᠥᠴᠥᠳᠠᠢ ᠲᠡᠮᠵᠢᠨ᠂ ᠥᠢᠯᠡᠰ ᠪᠥᠳᠥᠭᠡᠭᠦ ᠲᠠᠪᠴᠠᠩ ᠤᠨ ᠪᠠᠶᠢᠭᠤᠯᠤᠯᠳᠠ | ᠪᠠᠷ ᠠᠵᠢᠯ ᠤᠯᠬᠤ ᠤᠷᠤᠨ ᠬᠡᠪᠴᠢᠶ᠎ᠡ ᠶᠢ ᠥᠷᠭᠡᠳᠭᠡᠵᠥ᠂ ᠰᠢᠯᠵᠢᠭᠰᠡᠨ ᠮᠠᠯᠴᠢᠨ ᠲᠠᠷᠢᠶᠠᠴᠢᠳ ᠤᠨ ᠠᠵᠢᠯ | ᠤᠯᠤᠯᠳᠠ ᠶᠢᠨ ᠠᠰᠠᠭᠤᠳᠠᠯ ᠢ ᠰᠢᠢᠳᠪᠥᠷᠢᠯᠡᠨ᠎ᠡ᠃ ᠢᠳᠡᠭᠡᠨ ᠪᠠ ᠵᠠᠮ ᠬᠠᠷᠢᠯᠴᠠᠭᠠᠨ ᠤ ᠠᠮᠤᠷ ᠲᠥᠪᠰᠢᠨ᠂ | ᠠᠶᠤᠯᠭᠦᠢ ᠥᠢᠯᠡᠳᠪᠥᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠠᠮᠤᠷ ᠲᠤᠭᠳᠠᠭᠤᠨ᠂ ᠭᠠᠯ ᠰᠡᠷᠭᠡᠶᠢᠯᠡᠯᠳᠡ ᠵᠡᠷᠭᠡ | ᠠᠰᠠᠭᠤᠳᠠᠯ ᠢ ᠶᠡᠷᠥᠩᠭᠡᠶᠢᠯᠡᠨ ᠵᠠᠰᠠᠬᠤ ᠭᠥᠴᠥᠯᠡᠴᠡ ᠪᠠᠨ ᠨᠡᠮᠡᠭᠳᠡᠭᠦᠯᠥᠨ᠂ ᠭᠡᠨᠡᠳᠳᠡ ᠶᠢᠨ ᠴᠢᠨᠠᠷ ᠲᠠᠢ ᠭᠡᠷᠡᠭ | ᠤᠴᠢᠷ ᠢ ᠪᠠᠴᠢᠮ ᠠᠷᠭᠠᠴᠠᠨ ᠰᠢᠢᠳᠪᠥᠷᠢᠯᠡᠭᠦ ᠲᠤᠭᠳᠠᠴᠠ ᠶᠢ ᠲᠡᠭᠦᠯᠳᠡᠷᠵᠢᠭᠦᠯᠵᠥ᠂ ᠠᠮᠤᠷ ᠢ ᠬᠠᠮᠭᠠᠯᠠᠬᠤ ᠡᠵᠡᠮᠰᠢᠯ | ᠰᠡᠷᠭᠡᠶᠢᠯᠡᠯ ᠤᠨ ᠰᠢᠰᠲ᠋ᠧᠮ ᠴᠤᠭᠴᠠᠯᠠᠨ᠂ ᠤᠯᠠᠨ ᠨᠡᠶᠢᠳᠡ ᠶᠢᠨ ᠠᠮᠤᠷ ᠲᠥᠪᠰᠢᠨ ᠢ ᠬᠠᠮᠠᠭᠠᠯᠠᠨ᠎ᠠ᠃ ᠬᠠᠤᠯᠢ ᠪᠠᠷ | ᠵᠠᠰᠠᠬᠤ ᠬᠠᠤᠯᠢ ᠲᠥᠭᠡᠮᠡᠯᠵᠢᠭᠦᠯᠭᠦ ᠪᠠ ᠨᠠᠮ ᠤᠨ ᠰᠤᠷᠳᠠᠯ ᠠᠷᠢᠭᠤᠨ ᠴᠢᠭᠴᠢ ᠶᠢᠨ ᠠᠵᠢᠯ᠂ ᠤᠶᠤᠨ ᠤ ᠪᠤᠯᠪᠠᠰᠤᠨ | ᠤ ᠪᠠᠶᠢᠭᠤᠯᠤᠯᠳᠠ᠂ ᠴᠢᠳᠠᠪᠤᠷᠢᠳᠡᠠ ᠤᠷᠢᠬᠤ ᠠᠵᠢᠯ᠂ ᠭᠥᠮᠥᠨ ᠠᠮᠠ ᠲᠥᠯᠥᠪᠯᠡᠭᠡᠳᠤ ᠭᠥᠩᠭᠡᠵᠢᠯ᠂ ᠡᠮᠡᠭᠳᠡᠶᠢᠴᠤᠳ | ᠭᠡᠥᠭᠡᠳ ᠪᠠᠭᠠᠴᠤᠳ ᠤᠨ ᠠᠵᠢᠯ᠂ ᠨᠡᠶᠢᠭᠡᠮ ᠤᠨ ᠬᠠᠮᠢᠶᠠᠷᠤᠯᠳᠠ᠂ ᠥᠭᠡᠷᠡᠴᠢᠯᠡᠯᠳᠡ ᠰᠢᠨᠡᠴᠢᠯᠡᠯᠳᠡ᠂ ᠬᠤᠶᠠᠷ ᠢ | ᠭᠥᠷᠢᠶᠡᠯᠡᠭᠦ ᠠᠵᠢᠯ ᠵᠡᠷᠭᠡ ᠶᠢ ᠰᠠᠶᠢᠳᠤᠷ ᠬᠢᠵᠥ᠂ ᠠᠷᠠᠳ ᠤᠯᠠᠨ ᠤ ᠠᠰᠢᠭ ᠲᠤᠰᠠ ᠶᠢ ᠥᠨᠡᠨ ᠭᠦ ᠬᠠᠮᠠᠭᠠᠯᠠᠨ᠂ | ᠠᠵᠤ ᠠᠬᠤᠢ ᠶᠢᠨ ᠭᠥᠭᠵᠢᠯᠳᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠡᠩᠭᠡ ᠨᠠᠶᠢᠷᠠᠮᠳᠠᠭᠤ ᠨᠡᠶᠢᠭᠡᠮ | ᠤᠨ ᠤᠷᠴᠢᠨ ᠬᠠᠩᠭᠠᠨ᠎ᠠ᠃ | ᠲᠥᠯᠥᠭᠡᠯᠡᠭᠴᠢᠳ ᠡ᠂ 2015 ᠤᠨ ᠤ ᠠᠵᠤ ᠠᠬᠤᠢ ᠨᠡᠶᠢᠭᠡᠮ ᠤᠨ ᠭᠥᠭᠵᠢᠭᠦᠯᠥᠯᠳᠡ ᠶᠢᠨ ᠠᠵᠢᠯ ᠢ | ᠰᠠᠶᠢᠳᠤᠷ ᠬᠢᠭᠦ ᠳᠤ ᠡᠭᠦᠷᠭᠡ ᠬᠦᠨᠳᠤ ᠵᠠᠮ ᠬᠤᠯᠠ ᠪᠤᠢ᠃ ᠪᠢᠳᠠ ᠬᠤᠰᠢᠭᠤ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠵᠢᠯᠤᠭᠤᠳᠤᠯᠭ᠎ᠠ ᠲᠤᠤᠷ᠎ᠠ ᠲᠤᠬᠢᠶᠠᠯ ᠢ ᠡᠵᠡᠮᠳᠡᠨ ᠱᠠᠯᠠᠮᠠᠭ ᠤᠷᠤᠭᠰᠢᠯᠠᠵᠤ᠂ ᠯᠠᠪᠳᠠᠭᠤᠨ ᠠᠵᠢᠯᠯᠠᠨ | ᠡᠷᠴᠢᠮᠳᠠᠢ ᠰᠢᠨᠡᠴᠢᠯᠡᠨ᠂ ᠰᠢᠨ᠎ᠡ ᠭᠡᠪ ᠪᠠᠶᠢᠳᠠᠯ ᠳᠤ ᠬᠢ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠰᠢᠨ᠎ᠡ | ᠪᠠᠶᠢᠳᠠᠯ ᠢ ᠡᠭᠦᠳᠴᠤ᠂ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠤᠨ ᠤ ᠡᠭᠦᠷᠭᠡ ᠪᠠᠨ ᠪᠠᠳᠤᠳᠠᠢ | ᠪᠡᠶᠡᠯᠡᠭᠦᠯᠰᠥᠭᠡᠢ︕ | |