ᠤᠳᠤᠭ ᠤᠨ ᠡᠮᠥᠨᠡᠳᠤ ᠬᠤᠰᠢᠭᠤᠨ ᠤ 2014 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ | ᠶᠢᠨ ᠪᠠᠶᠢᠳᠠᠯ ᠪᠠ 2015 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | —— 2015 ᠤᠨ ᠤ 2 ᠰᠠᠷ᠎ᠠ ᠶᠢᠨ 11 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠣᠭᠡᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ | ᠤ 2014 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2015 ᠤᠨ ᠤ | ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ ᠶᠢᠰᠥᠳᠥᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠣᠭᠡᠷ ᠬᠤᠷᠠᠯᠳᠣᠭᠠᠨ ᠳᠤ ᠳᠡᠪᠰᠢᠬᠦᠯᠵᠤ ᠬᠢᠨᠠᠨ | ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ | ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2014 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2014 ᠤᠨ ᠳᠤ᠂ ᠬᠤᠷᠸ᠎ᠠ ᠡᠵᠡᠮᠰᠢᠯᠳᠣ ᠠᠵᠣ ᠠᠬᠤᠢ ᠶᠢᠨ ᠪᠤᠳᠤᠯᠢᠶᠠᠨ ᠲᠠᠢ ᠣᠷᠴᠢᠨ ᠲᠤᠤᠷ᠎ᠠ ᠮᠡᠨ ᠤ | ᠬᠤᠰᠢᠭᠤᠨ ᠤ ᠡᠳ᠋ ᠤᠨ ᠵᠠᠰᠠᠭ ᠤᠨ ᠠᠵᠢᠯ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ | ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ | ᠤ ᠪᠥᠳᠥᠮᠵᠢ ᠲᠠᠢ ᠬᠢᠨᠠᠯᠲᠠ ᠳᠤᠤᠷ᠎ᠠ᠂ ᠣᠷᠣᠯᠭ᠎ᠠ ᠶᠢ ᠠᠤᠨᠬᠤᠨ ᠨᠡᠮᠡᠭᠳᠡᠯ ᠢ ᠠᠬᠢᠭᠤᠯᠵᠣ᠂ ᠪᠦᠳᠦᠴᠡ ᠶᠢ | ᠲᠣᠬᠢᠷᠠᠭᠤᠯᠣᠨ ᠠᠷᠠᠳ ᠤᠨ ᠠᠮᠢᠳᠥᠷᠠᠯ ᠢ ᠰᠠᠶᠢᠵᠢᠷᠠᠭᠤᠯᠤᠨ᠂ ᠦᠬᠡᠷᠡᠴᠢᠯᠠᠯᠳᠠ ᠬᠦᠭᠵᠢᠭᠦᠯᠦᠯᠳᠠ ᠶᠢ ᠠᠬᠢᠭᠤᠯᠵᠣ᠂ | ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠥᠢᠯᠡᠰ ᠤᠨ ᠬᠥᠭᠵᠢᠯᠲᠡ ᠶᠢ ᠭᠥᠴᠥᠲᠡᠢ ᠳᠡᠮᠵᠢᠨ᠂ ᠵᠢᠯ ᠤᠨ | ᠳᠥᠰᠥᠪ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠪᠠᠨ ᠨᠡᠯᠢᠶᠡᠳ ᠴᠢᠨᠠᠷᠵᠢᠭᠤᠨ ᠪᠡᠶᠡᠯᠡᠭᠦᠯᠪᠠ᠃ | 2014 ᠤᠨ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ ᠵᠢᠱᠢᠯᠳᠠ ᠪᠠᠷ 28.7 | ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ | 14.7 ᠳ᠋ᠦᠩᠰᠢᠭᠤᠷ ᠲᠥᠭᠦᠷᠢᠭ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 11.39 | ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 2.61 ᠳ᠋ᠦᠩᠰᠢᠭᠤᠷ ᠲᠦᠭᠦᠷᠢᠭ︔ | ᠬᠤᠰᠢᠭᠤ ᠲᠤᠰ ᠱᠠᠳᠤᠨ ᠤ ᠡᠯ᠎ᠡ ᠲᠠᠯ᠎ᠠ ᠶᠢᠨ ᠵᠠᠷᠤᠯᠭ᠎ᠠ ᠵᠢᠱᠢᠯᠳᠠ ᠪᠠᠷ 23.87 ᠳ᠋ᠦᠩᠰᠢᠭᠤᠷ ᠲᠥᠭᠦᠷᠢᠭ᠂ | ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 23.64 ᠳ᠋ᠦᠩᠰᠢᠭᠤᠷ ᠲᠥᠭᠦᠷᠢᠭ᠂ | ᠳᠡᠭᠡᠭᠰᠢ ᠳᠤᠰᠢᠶᠠᠭᠰᠡᠨ ᠵᠠᠷᠤᠯᠭ᠎ᠠ 0.03 ᠳ᠋ᠦᠩᠰᠢᠭᠤᠷ ᠲᠥᠭᠦᠷᠢᠭ᠂ ᠰᠢᠢᠳᠪᠦᠷᠢᠯᠡᠭᠰᠡᠨ ᠦᠷᠢ ᠦᠭᠴᠡᠭᠡ 0.2 | ᠳ᠋ᠦᠩᠰᠢᠭᠤᠷ ᠲᠦᠭᠦᠷᠢᠭ︔ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 4.83 ᠳ᠋ᠦᠩᠰᠢᠭᠤᠷ ᠲᠦᠬᠦᠷᠢᠭ᠃ | 2014 ᠤᠨ ᠤ ᠪᠥᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 14.7 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 26.04% ᠪᠠᠷ ᠨᠡᠮᠡᠭᠳᠡᠪᠡ᠂ ᠡᠬᠦᠨ | ᠳᠤ ᠱᠠᠩᠬᠠᠢ ᠶᠢᠨ ᠰᠦᠮ᠎ᠡ ᠨᠡᠬᠡᠬᠡᠯᠲᠡ ᠶᠢᠨ ᠣᠷᠣᠨ ᠤ ᠣᠷᠣᠯᠭ᠎ᠠ0.62 ᠳ᠋ᠦᠩᠰᠢᠭᠤᠷ ᠲᠥᠭᠦᠷᠢᠭ᠃ | ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ | ᠣᠷᠣᠯᠭ᠎ᠠ ᠳᠠᠬᠢ ᠳᠠᠪᠣᠨ ᠶᠡᠭᠡ ᠭᠤᠣᠯ ᠴᠣᠭᠴᠠ ᠶᠢᠨ ᠭᠠᠶᠢᠯᠢ ᠶᠢᠨ ᠳᠦᠷᠥᠯ 2.75 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠳᠥᠰᠥᠪ ᠤᠨ ᠣᠷᠣᠯᠭ᠎ᠠ ᠶᠢᠨ 18.69% ᠶᠢ ᠡᠵᠡᠯᠡᠵᠣ᠂ ᠠᠳᠠᠯᠢ ᠬᠤᠭᠤᠴᠠᠭᠠᠨ ᠤ ᠬᠢ | ᠠᠴᠠ0.17 ᠳ᠋ᠦᠩᠰᠢᠭᠤᠷ ᠳᠦᠭᠦᠷᠢᠭ ᠪᠠᠭᠤᠷᠡᠵᠣ᠂ 5.82% ᠢᠶᠠᠷ ᠪᠠᠭᠤᠷᠠᠪᠠ᠃ ᠡᠬᠦᠨ ᠳᠤ ᠦᠷᠲᠡᠭ ᠤᠨ | ᠨᠡᠮᠡᠭᠳᠡᠯ ᠭᠠᠶᠢᠯᠢ 0.57 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ20.03% ᠪᠠᠷ | ᠪᠠᠭᠤᠷᠠᠪᠠ︔ ᠡᠵᠡᠩᠨᠡᠯᠲᠡ ᠶᠢᠨ ᠭᠠᠶᠢᠯᠢ 1.55 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ | 1.98% ᠪᠠᠷ ᠨᠡᠮᠡᠭᠳᠡᠪᠡ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 0.19 ᠳ᠋ᠦᠩᠰᠢᠭᠤᠷ ᠲᠥᠭᠦᠷᠢᠭ᠂ | ᠠᠳᠠᠯᠢ ᠬᠤᠭᠤᠴᠠᠭᠠᠨ ᠤ ᠬᠢ ᠠᠴᠠ 30.91% ᠪᠠᠷ ᠪᠠᠭᠤᠷᠠᠪᠠ︔ ᠬᠤᠪᠢ ᠬᠦᠮᠦᠨ ᠤ ᠣᠯᠵᠠᠪᠣᠷᠢ ᠶᠢᠨ | ᠭᠠᠶᠢᠯᠢ 0.1 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ9.23% ᠪᠠᠷ ᠪᠠᠭᠤᠷᠠᠪᠠ︔ ᠡᠬᠢ | ᠪᠠᠶᠠᠯᠢᠭ ᠤᠨ ᠭᠠᠶᠢᠯᠢ0.34 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 11.28% ᠪᠠᠷ | ᠨᠡᠮᠡᠭᠳᠡᠪᠡ᠃ | ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ | ᠮᠦᠴᠢᠷ 0.69 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 72.72% ᠢ ᠪᠡᠶᠡᠯᠡᠭᠦᠯᠵᠣ | ᠂ ᠠᠳᠠᠯᠢ ᠬᠤᠭᠤᠴᠠᠭᠠᠨ ᠤ ᠬᠢ ᠠᠴᠠ0.16 ᠳ᠋ᠦᠩᠰᠢᠭᠤᠷ ᠳᠦᠭᠦᠷᠢᠭ ᠪᠠᠭᠤᠷᠡᠵᠣ᠂ 19.28% ᠪᠠᠷ ᠪᠠᠭᠤᠷᠠᠪᠠ᠃ | ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 9.93 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ | ᠤᠨ ᠳᠥᠰᠥᠪ ᠢᠶᠠᠨ 134.63 % ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ3.22 | ᠳ᠋ᠦᠩᠰᠢᠭᠤᠷ ᠲᠥᠭᠦᠷᠢᠭ ᠨᠡᠮᠡᠭᠳᠡᠵᠣ᠂ 47.93% ᠪᠠᠷ ᠨᠡᠮᠡᠭᠳᠡᠪᠠ︔ ᠡᠳ᠋ ᠤᠨ ᠵᠠᠰᠠᠭ ᠤᠨ ᠰᠠᠯᠠᠭ᠎ᠠ ᠮᠦᠴᠢᠷ 4. | 08 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ90.54 % ᠶᠢ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ0.02 ᠳ᠋ᠦᠩᠰᠢᠭᠤᠷ ᠲᠥᠭᠦᠷᠢᠭ ᠪᠠᠭᠤᠷᠠᠵᠣ᠂ 0.4% ᠪᠠᠷ ᠪᠠᠭᠤᠷᠠᠪᠠ᠃ | ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠨᠡᠬᠦᠷᠡᠰᠣᠨ ᠠᠵᠢᠯ ᠲᠦᠷᠦᠯ 0.38 ᠳ᠋ᠦᠩᠰᠢᠭᠤᠷ | ᠳᠦᠭᠦᠷᠢᠭ ᠪᠡᠶᠡᠯᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢᠨ 2.56 % ᠶᠢ | ᠡᠵᠡᠯᠡᠵᠣ᠂ 51.07 % ᠪᠠᠷ ᠪᠠᠭᠤᠷᠠᠪᠠ︔ ᠰᠢᠲᠠᠮᠠᠬᠠᠢ ᠬᠡᠢ 5.61 ᠳ᠋ᠦᠩᠰᠢᠭᠤᠷ ᠳᠦᠭᠦᠷᠢᠭ ᠪᠡᠶᠡᠯᠡᠭᠦᠯᠵᠣ᠂ | ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢᠨ 38.16 % ᠶᠢ ᠡᠵᠡᠯᠡᠵᠣ᠂ 383.15 % | ᠪᠠᠷ ᠨᠡᠮᠡᠭᠳᠡᠪᠠ︔ ᠴᠡᠬᠢᠯᠭᠠᠨ ᠬᠦᠴᠣᠨ ᠤ ᠠᠵᠢᠯ ᠲᠦᠷᠦᠯ 0.16 ᠳ᠋ᠦᠩᠰᠢᠭᠤᠷ ᠳᠦᠭᠦᠷᠢᠭ ᠪᠡᠶᠡᠯᠡᠭᠦᠯᠵᠣ᠂ 41. | 02 % ᠪᠠᠷ ᠨᠡᠮᠡᠭᠳᠡᠪᠠ︔ ᠪᠠᠷᠢᠯᠭ᠎ᠠ ᠶᠢᠨ ᠠᠵᠢᠯ ᠲᠦᠷᠦᠯ 1.33 ᠳ᠋ᠦᠩᠰᠢᠭᠤᠷ ᠳᠦᠭᠦᠷᠢᠭ ᠪᠡᠶᠡᠯᠡᠭᠦᠯᠵᠣ᠂ 6. | 52 % ᠪᠠᠷ ᠨᠡᠮᠡᠭᠳᠡᠪᠠ︔ ᠵᠠᠮ ᠲᠡᠬᠡᠬᠡᠪᠣᠷᠢ ᠶᠢᠨ ᠦᠢᠯᠡᠰ 0.04 ᠳ᠋ᠦᠩᠰᠢᠭᠤᠷ ᠳᠦᠭᠦᠷᠢᠭ ᠪᠡᠶᠡᠯᠡᠭᠦᠯᠵᠣ᠂ | 37.06 % ᠪᠠᠷ ᠨᠡᠮᠡᠭᠳᠡᠪᠠ︔ ᠬᠡᠷ ᠬᠦᠷᠦᠩᠬᠡ ᠶᠢᠨ ᠠᠵᠢᠯ ᠲᠦᠷᠦᠯ 0.26 ᠳ᠋ᠦᠩᠰᠢᠭᠤᠷ ᠳᠦᠭᠦᠷᠢᠭ | ᠪᠡᠶᠡᠯᠡᠭᠦᠯᠵᠣ᠂ 275.36 % ᠪᠠᠷ ᠨᠡᠮᠡᠭᠳᠡᠪᠠ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.38 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 22.56 % ᠪᠠᠷ ᠪᠠᠭᠤᠷᠠᠪᠠ︔ ᠦᠢᠯᠡᠴᠢᠯᠡᠬᠡᠨ ᠤ ᠦᠢᠯᠡᠰ 1.52 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 58.24 % ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0. | 15 ᠳ᠋ᠦᠩᠰᠢᠭᠤᠷ ᠳᠦᠭᠦᠷᠢᠭ ᠪᠡᠶᠡᠯᠡᠭᠦᠯᠵᠣ᠂ 28.79 % ᠪᠠᠷ ᠨᠡᠮᠡᠭᠳᠡᠪᠠ︔ ᠪᠣᠰᠣᠳ ᠠᠵᠢᠯ ᠲᠦᠷᠦᠯ 4.87 | ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ | ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ 19.07 % ᠪᠠᠷ ᠨᠡᠮᠡᠭᠳᠡᠪᠠ᠃ | 2014 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 23. | 64 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.78% ᠪᠠᠷ ᠪᠠᠭᠤᠷᠠᠪᠠ᠂ | ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 21 ᠳ᠋ᠦ᠋ᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ | ᠨᠡᠬᠡᠬᠡᠯᠲᠡ ᠶᠢᠨ ᠣᠷᠣᠨ ᠤ ᠵᠠᠷᠣᠯᠭ᠎ᠠ 0.75 ᠳ᠋ᠦᠩᠰᠢᠭᠤᠷ ᠲᠥᠭᠦᠷᠢᠭ᠂ ᠪᠠᠯᠭᠠᠰᠦ ᠱᠠᠳᠦᠨ ᠤ ᠵᠠᠷᠣᠯᠭ᠎ᠠ 1.89 | ᠳ᠋ᠦᠩᠰᠢᠭᠤᠷ ᠲᠦᠭᠦᠷᠢᠭ᠃ | 2014 ᠤᠨ ᠳᠤ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠥᠩᠭᠦ ᠶᠢᠨ ᠤᠷᠤᠯᠭ᠎ᠠ 1.13 ᠳ᠋ᠦᠩᠰᠢᠭᠤᠷ | ᠲᠥᠭᠦᠷᠢᠭ ᠬᠦᠷᠴᠦ᠂ ᠰᠠᠭᠤᠷᠢ ᠮᠥᠩᠭᠦ ᠶᠢᠨ ᠵᠠᠷᠤᠯᠭ᠎ᠠ1.32 ᠳ᠋ᠦᠩᠰᠢᠭᠤᠷ ᠲᠥᠭᠦᠷᠢᠭ ︵ᠡᠬᠦᠨ ᠳᠤ ᠳᠡᠬᠡᠳᠤ | ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.19 ᠳ᠋ᠦᠩᠰᠢᠭᠤᠷ ᠲᠦᠬᠦᠷᠢᠭ︶᠂ ᠦᠯᠡᠳᠡᠪᠤᠷᠢ 0.86 | ᠳ᠋ᠦᠩᠰᠢᠭᠤᠷ ᠲᠦᠬᠦᠷᠢᠭ︔ ᠨᠡᠶᠢᠬᠡᠮ ᠤᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠤᠷᠤᠯᠭ᠎ᠠ ᠵᠠᠷᠤᠯᠭ᠎ᠠ 1.83 | ᠳ᠋ᠦᠩᠰᠢᠭᠤᠷ ᠲᠥᠭᠦᠷᠢᠭ ᠢ ᠪᠡᠶᠡᠯᠡᠬᠦᠯᠪᠠ᠃ | 2014 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ | ᠤᠨᠴᠠᠯᠢᠭ᠄ | ︵ᠨᠢᠭᠡ︶ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠪᠡᠯᠡ ᠮᠦᠩᠬᠦ ᠶᠢᠨ ᠵᠢᠯᠣᠭᠤᠳᠣᠮᠵᠢ ᠶᠢ | ᠬᠠᠮᠲᠣᠳᠬᠠᠨ ᠲᠣᠪᠣᠶᠢᠯᠭᠠᠵᠣ᠂ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠬᠦᠭᠵᠢᠬᠦᠯᠬᠦ ᠳᠤ ᠲᠣᠯᠭᠠᠭᠤᠷᠢᠯᠠᠯ | ᠬᠠᠩᠭᠠᠪᠠ᠃ ᠲᠡᠭᠡᠳᠤ ᠱᠠᠳᠣᠨ ᠤ ᠡᠳ᠋ ᠤᠨ ᠵᠠᠰᠠᠭ ᠤᠨ ᠪᠤᠳᠤᠯᠭ᠎ᠠ ᠶᠢ ᠰᠠᠨᠠᠭᠠᠴᠢᠯᠠᠭᠠᠳᠠᠢ ᠰᠤᠳᠤᠯᠤᠨ᠂ ᠲᠡᠭᠡᠳᠤ | ᠱᠠᠳᠤᠨ ᠤ ᠡᠳ᠋ ᠤᠨ ᠵᠠᠰᠠᠭ ᠤᠨ ᠲᠥᠷᠥᠯ ᠵᠥᠢᠯ ᠪᠤᠯᠤᠨ ᠪᠡᠯᠡ ᠮᠥᠩᠭᠦᠨ ᠤ ᠲᠡᠮᠵᠢᠯᠭᠡ ᠶᠢ ᠲᠡᠮᠡᠴᠡᠡ ᠤᠯᠵᠤ᠂ | ᠡᠯ᠎ᠡ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢ ᠬᠠᠪᠰᠤᠷᠠᠨ ᠡᠳ᠋ ᠤᠨ ᠵᠠᠰᠠᠭ ᠤᠨ | ᠪᠡᠯᠡ ᠮᠥᠩᠭᠦ ᠤᠯᠤᠭᠤᠯᠤᠨ᠂ ᠪᠥᠭᠦ ᠬᠤᠰᠢᠭᠤᠨ ᠤ ᠭᠤᠤᠯᠳᠠᠯᠭᠠᠳᠤ ᠲᠥᠷᠥᠯ ᠵᠦᠢᠯ ᠪᠤᠯᠤᠨ ᠡᠳ᠋ ᠤᠨ ᠵᠠᠰᠠᠭ ᠤᠨ | ᠪᠡᠯᠡ ᠮᠥᠩᠭᠦ ᠲᠤᠳᠠᠭᠳᠠᠵᠤ ᠪᠠᠶᠢᠭ᠎ᠠ ᠭᠥᠴᠢᠷᠳᠡᠯ ᠢ ᠪᠥᠳᠥᠮᠵᠢᠳᠡᠢ ᠨᠠᠮᠳᠠᠭᠠᠪᠠ᠃ ᠡᠳ᠋ ᠤᠨ ᠵᠠᠰᠠᠭ ᠠᠴᠠ ᠲᠣᠮᠳᠠ | ᠪᠠᠭ᠎ᠠ ᠵᠢᠵᠢᠭᠠᠵᠣ ᠠᠬᠤᠶᠢᠯᠠᠯ ᠢ ᠬᠦᠭᠵᠢᠬᠦᠯᠬᠦ ᠂ ᠡᠨᠧᠷᠬᠢ ᠠᠷᠪᠢᠯᠠᠬᠤ᠂ ᠠᠵᠣ ᠠᠬᠤᠶᠢᠯᠠᠯ ᠤᠨ ᠮᠡᠷᠬᠡᠵᠢᠯ | ᠰᠢᠨᠡᠴᠢᠯᠡᠯᠲᠡ ᠶᠢᠨ ᠲᠣᠰᠬᠠᠢ ᠪᠡᠯᠡ ᠮᠦᠩᠬᠦ ᠵᠡᠷᠬᠡ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠬᠦᠭᠵᠢᠬᠦᠯᠬᠦ | ᠲᠣᠰᠬᠠᠢ ᠪᠡᠯᠡ ᠮᠦᠩᠬᠦ ᠶᠢ ᠨᠡᠶᠢᠲᠡ 125 ᠲᠦᠮᠡᠨ ᠲᠦᠬᠦᠷᠢᠭ ᠲᠣᠬᠢᠷᠠᠭᠤᠯᠵᠣ᠂ ᠡᠯ᠎ᠡ ᠲᠦᠷᠦᠯ ᠤᠨ ᠠᠵᠣ | ᠠᠬᠤᠶᠢᠯᠠᠯ ᠤᠨ ᠬᠦᠭᠵᠢᠯᠳᠠ ᠶᠢ ᠲᠡᠮᠵᠢᠪᠡ᠃ ᠡᠵᠡᠩᠨᠡᠯᠲᠡ ᠶᠢᠨ ᠭᠠᠶᠢᠯᠢ ᠶᠢ ᠥᠷᠳᠡᠭ ᠤᠨ ᠨᠡᠮᠡᠭᠳᠡᠯ ᠭᠠᠶᠢᠯᠢ | ᠪᠤᠯᠭᠠᠨ ᠥᠭᠡᠷᠡᠴᠢᠯᠠᠬᠦ᠂ ᠥᠷᠳᠡᠭ ᠤᠨ ᠨᠡᠮᠡᠭᠳᠡᠯ ᠭᠠᠶᠢᠯᠢ ᠶᠢᠨ ᠡᠬᠢᠯᠡᠮᠲᠡ ᠶᠢ ᠲᠡᠬᠡᠭᠰᠢᠯᠡᠬᠦᠯᠬᠦ᠂ ᠣᠯᠵᠠᠪᠣᠷᠢ ᠶᠢᠨ | ᠭᠠᠶᠢᠯᠢ ᠶᠢᠨ ᠬᠠᠷᠠᠭᠠᠯᠵᠠᠯ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠡᠯ᠎ᠡ ᠲᠦᠷᠦᠯ ᠤᠨ ᠬᠤᠷᠢᠶᠠᠬᠤ | ᠵᠠᠷᠣᠳᠠᠯ ᠢ ᠬᠠᠰᠣᠨ ᠬᠡᠯᠳᠣᠷᠢᠬᠦᠯᠬᠦ ᠵᠡᠷᠬᠡ ᠪᠦᠲᠣᠴᠡ ᠶᠢᠨ ᠴᠢᠨᠠᠷᠲᠠᠢ ᠭᠠᠶᠢᠯᠢ ᠬᠠᠰᠣᠬᠤ ᠲᠦᠷᠦ ᠶᠢᠨ ᠪᠣᠳᠣᠯᠭ᠎ᠠ ᠶᠢ | ᠦᠷᠬᠦᠯᠵᠢᠯᠡᠨ ᠰᠠᠶᠢᠲᠣᠷ ᠨᠠᠶᠢᠲᠠᠪᠣᠷᠢᠵᠢᠭᠤᠯᠵᠣ᠂ ᠵᠢᠵᠢᠭ ᠪᠠᠭ᠎ᠠ ᠠᠵᠣ ᠠᠬᠤᠶᠢᠯᠠᠯ ᠤᠨ ᠭᠠᠶᠢᠯᠢ ᠵᠠᠷᠣᠳᠠᠯ ᠤᠨ | ᠲᠠᠷᠣᠭᠠᠰᠣ ᠶᠢ ᠬᠦᠩᠬᠡᠯᠡᠪᠡ᠃ | ︵ᠬᠤᠶᠠᠷ︶ ᠬᠠᠣᠯᠢ ᠶᠣᠰᠣᠭᠠᠷ ᠲᠠᠳᠠᠪᠣᠷᠢᠯᠠᠨ ᠬᠠᠮᠢᠶᠠᠷᠬᠤ ᠪᠠ ᠭᠠᠶᠢᠯᠢ ᠶᠢᠨ ᠶᠠᠪᠣᠳᠠᠯ ᠢ ᠬᠠᠮᠵᠢᠨ | ᠬᠠᠮᠠᠭᠠᠯᠠᠬᠤ ᠬᠤᠣᠰ ᠪᠠᠲᠣᠯᠠᠭ᠎ᠠ ᠶᠢ ᠲᠣᠪᠣᠶᠢᠯᠭᠠᠵᠣ᠂ ᠡᠳ᠋ ᠤᠨ ᠵᠠᠰᠠᠭ ᠤᠨ ᠣᠷᠣᠯᠭ᠎ᠠ ᠶᠢᠨ ᠬᠡᠪᠴᠢᠶᠡᠵᠢᠯ ᠰᠢᠨ᠎ᠡ | ᠰᠢᠪᠲᠣᠯᠣᠯᠲᠠ ᠲᠠᠢ ᠪᠣᠯᠪᠠ᠃ ᠢᠳᠡᠪᠬᠢᠲᠡᠢ ᠪᠠᠷ ᠳᠠᠯᠳᠠ ᠬᠦᠴᠤᠨ ᠢ ᠠᠭᠤᠳᠠᠯᠠᠨ ᠤᠷᠤᠯᠭ᠎ᠠ ᠶᠢ ᠨᠡᠮᠡᠭᠳᠡᠬᠦᠯᠵᠤ᠂ | ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢ ᠡᠳ᠋ ᠤᠨ ᠵᠠᠰᠠᠭ ᠤᠨ ᠬᠦᠭᠵᠢᠯᠲᠡ ᠶᠢᠨ ᠲᠡᠷᠢᠬᠦᠨ ᠴᠢᠬᠤᠯᠠ | ᠡᠬᠦᠷᠬᠡ ᠪᠣᠯᠭᠠᠵᠣ᠂ ᠣᠷᠣᠯᠭ᠎ᠠ ᠶᠢᠨ ᠠᠵᠢᠯᠯᠠᠮᠵᠢ ᠶᠢᠨ ᠵᠠᠳᠠᠯᠣᠯᠲᠠ ᠶᠢ ᠴᠢᠩᠭᠠᠳᠬᠠᠨ᠂ ᠣᠷᠣᠯᠭ᠎ᠠ ᠵᠣᠬᠢᠴᠠᠭᠤᠯᠬᠤ | ᠠᠵᠢᠯ ᠢ ᠡᠷᠴᠢᠮᠵᠢᠬᠦᠯᠵᠣ᠂ ᠡᠳ᠋ ᠤᠨ ᠢᠷᠡᠯᠲᠡ ᠶᠢᠨ ᠪᠠᠶᠢᠭᠤᠯᠣᠯᠲᠠ ᠶᠢ ᠢᠳᠡᠪᠬᠢᠲᠡᠢ ᠦᠷᠨᠢᠬᠦᠯᠵᠣ᠂ ᠬᠠᠤᠯᠢ | ᠶᠤᠰᠤ ᠪᠠᠷ ᠳᠠᠳᠠᠪᠤᠷᠢᠯᠠᠨ ᠬᠠᠮᠢᠶᠠᠷᠬᠤ ᠶᠢ ᠴᠢᠩᠭᠠᠤᠨᠬᠠᠵᠤ᠂ ᠰᠢᠨᠵᠢᠯᠡᠬᠦ ᠤᠬᠠᠭᠠᠨᠴᠢ ᠰᠢᠨᠡᠴᠢᠯᠡᠯ ᠲᠠᠢ ᠳᠠᠳᠠᠪᠤᠷᠢᠯᠠᠨ | ᠬᠠᠮᠢᠶᠠᠷᠬᠤ ᠠᠷᠭ᠎ᠠ ᠠᠪᠴᠠᠯ ᠢ ᠲᠣᠭᠲᠠᠭᠠᠨ᠂ ᠭᠠᠶᠢᠯᠢ ᠶᠢᠨ ᠪᠤᠰᠤ ᠤᠷᠤᠯᠭ᠎ᠠ ᠳᠠᠳᠠᠪᠤᠷᠢᠯᠠᠬᠤ ᠵᠤᠬᠢᠴᠠᠮᠵᠢ ᠶᠢ | ᠳᠡᠬᠦᠯᠳᠡᠷᠵᠢᠬᠦᠯᠵᠤ᠂ ᠶᠡᠷᠣᠩᠬᠡᠶᠢᠯᠡᠨ ᠪᠠᠶᠢᠷᠢᠯᠠᠭᠤᠯᠵᠣ ᠬᠠᠮᠲᠣᠪᠡᠷ ᠠᠳᠬᠤᠬᠤ ᠨᠡᠶᠢᠬᠡᠮ ᠤᠨ ᠶᠡᠷᠣᠩᠬᠡᠶᠢᠯᠡᠭᠰᠡᠨ | ᠭᠠᠶᠢᠯᠢ ᠵᠠᠰᠠᠯᠲᠠ ᠶᠢᠨ ᠪᠠᠶᠢᠳᠠᠯ ᠢ ᠪᠦᠷᠢᠯᠳᠣᠬᠦᠯᠵᠣ᠂ ᠭᠠᠶᠢᠯᠢ ᠭᠤᠭᠤᠵᠢᠵᠣ ᠬᠡᠬᠡᠭᠳᠡᠬᠦ ᠶᠢ ᠦᠨᠳᠣᠰᠣᠨ ᠠᠴᠠ ᠨᠢ | ᠲᠠᠰᠣᠯᠵᠣ᠂ ᠭᠠᠶᠢᠯᠢ ᠵᠠᠷᠣᠳᠠᠯ᠂ ᠶᠡᠭᠡ ᠪᠠᠭ᠎ᠠ ᠶᠢ ᠬᠠᠮᠲᠣ ᠠᠳᠬᠤᠬᠤ ᠶᠢ ᠪᠠᠷᠢᠮᠲᠠᠯᠠᠵᠣ᠂ ᠬᠤᠷᠢᠶᠠᠬᠤ ᠶᠤᠰᠤ ᠲᠠᠢ | ᠪᠦᠬᠦᠨ ᠢ ᠬᠤᠷᠢᠶᠠᠨ᠂ ᠡᠳ᠋ ᠤᠨ ᠵᠠᠰᠠᠭ ᠤᠨ ᠤᠷᠤᠯᠭ᠎ᠠ ᠶᠢ ᠦᠷᠬᠦᠯᠵᠢᠯᠠᠨ ᠳᠤᠭᠳᠠᠭᠤᠨ ᠢᠶᠠᠷ ᠨᠡᠮᠡᠭᠳᠡᠬᠦᠯᠪᠡ᠃ | ︵ᠭᠤᠷᠪᠠ︶ ᠠᠷᠠᠳ ᠢ ᠬᠠᠷᠠᠭᠠᠯᠵᠠᠬᠤ ᠪᠡᠯᠡ ᠮᠦᠩᠬᠦ ᠪᠠ ︽ᠭᠤᠷᠪᠠᠨ ᠠᠯᠪᠠᠨ ᠵᠠᠷᠣᠳᠠᠯ︾ ᠤᠨ ᠬᠤᠣᠰ | ᠵᠢᠯᠣᠭᠤᠳᠣᠮᠵᠢ ᠶᠢ ᠲᠣᠪᠣᠶᠢᠯᠭᠠᠵᠣ᠂ ᠠᠷᠠᠳ ᠢ ᠬᠠᠷᠠᠭᠠᠯᠵᠠᠬᠤ ᠦᠢᠯᠡᠰ ᠲᠤ ᠪᠦᠲᠦᠮᠵᠢᠲᠣ ᠪᠠᠳᠣᠯᠠᠭ᠎ᠠ ᠬᠠᠩᠭᠠᠪᠠ᠃ | ᠵᠠᠷᠣᠯᠭ᠎ᠠ ᠶᠢᠨ ᠪᠦᠲᠦᠴᠡ ᠲᠡᠬᠡᠷ᠎ᠡ ᠪᠠᠲᠣᠯᠠᠬᠤ ᠪᠠ ᠪᠠᠭᠠᠰᠬᠠᠬᠤ ᠶᠢ ᠪᠠᠷᠢᠮᠲᠠᠯᠠᠨ᠂ ᠠᠷᠠᠳ ᠢ ᠬᠠᠷᠠᠭᠠᠯᠵᠠᠬᠤ | ᠵᠠᠷᠣᠯᠭ᠎ᠠ ᠶᠢ ᠡᠩ ᠲᠡᠷᠢᠬᠦᠨ ᠳᠤ ᠨᠢ ᠪᠠᠲᠣᠯᠠᠵᠣ᠂ ︽ᠭᠤᠷᠪᠠᠨ ᠠᠯᠪᠠᠨ ᠵᠠᠷᠣᠳᠠᠯ︾ ᠢ ᠦᠷᠬᠦᠯᠵᠢᠯᠡᠨ ᠪᠠᠭᠠᠰᠬᠠᠵᠣ᠂ | ︽ᠠᠷᠠᠳ ᠢ ᠬᠠᠷᠠᠭᠠᠯᠵᠠᠬᠤ ᠡᠳ᠋ ᠤᠨ ᠵᠠᠰᠠᠭ︾ ᠢ ᠴᠢᠷᠮᠡᠶᠢᠨ ᠪᠠᠶᠢᠭᠤᠯᠪᠠ᠃ ᠠᠷᠠᠳ ᠤᠨ ᠠᠮᠢᠳᠣᠷᠠᠯ ᠤᠨ | ᠬᠡᠷᠡᠭᠴᠡᠭᠡ ᠶᠢ ᠦᠨᠡᠨ ᠬᠦ ᠪᠠᠳᠣᠯᠠᠵᠣ᠂ ᠪᠦᠬᠦ ᠵᠢᠯ ᠳᠤ ᠠᠷᠠᠤᠨ ᠤᠨ ᠠᠮᠢᠳᠤᠷᠠᠯ ᠳᠤ 19.53 ᠳ᠋ᠦᠩᠰᠢᠭᠤᠷ | ᠲᠦᠬᠦᠷᠢᠭ ᠵᠠᠷᠤᠴᠠᠭᠤᠯᠵᠤ᠂ ᠶᠡᠷᠤᠩᠬᠡᠢ ᠵᠠᠷᠤᠯᠭ᠎ᠠ ᠶᠢᠨ82.6% ᠶᠢ ᠡᠵᠡᠯᠡᠪᠠ᠃ ᠰᠣᠷᠭᠠᠨ ᠬᠦᠮᠦᠵᠢᠯ᠂ ᠨᠡᠶᠢᠬᠡᠮ | ᠤᠨ ᠪᠠᠳᠣᠯᠠᠭ᠎ᠠ᠂ ᠡᠮ ᠡᠮᠨᠡᠯᠬᠡ ᠡᠷᠡᠬᠦᠯ ᠬᠠᠮᠠᠭᠠᠯᠠᠯ᠂ ᠣᠷᠴᠢᠨ ᠬᠠᠮᠠᠭᠠᠯᠠᠯᠲᠠ᠂ ᠣᠷᠣᠨ ᠰᠠᠭᠤᠴᠠ᠂ ᠮᠠᠯ | ᠲᠠᠷᠢᠶᠠᠯᠠᠩ ᠣᠢ ᠰᠢᠭᠤᠢ ᠣᠰᠣᠨ ᠶᠠᠪᠣᠳᠠᠯ᠂ ᠣᠯᠠᠨ ᠨᠡᠶᠢᠲᠡ ᠶᠢᠨ ᠠᠮᠣᠷ ᠲᠦᠪᠰᠢᠨ᠂ ᠨᠡᠶᠢᠬᠡᠮ ᠲᠣᠭᠤᠷᠢᠭ ᠤᠨ | ᠶᠠᠪᠣᠳᠠᠯ ᠵᠡᠷᠬᠡ ᠬᠤᠲᠠ ᠬᠦᠳᠡᠭᠡ ᠶᠢᠨ ᠨᠡᠶᠢᠲᠡ ᠶᠢᠨ ᠦᠢᠯᠡᠴᠢᠯᠡᠬᠡᠨ ᠤ ᠵᠠᠷᠣᠯᠭ᠎ᠠ ᠶᠢᠨ ᠬᠡᠷᠡᠭᠴᠡᠭᠡ ᠶᠢ ᠲᠡᠷᠢᠬᠦᠨ | ᠳᠤ ᠨᠢ ᠪᠠᠳᠣᠯᠠᠪᠠ᠃ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠲᠤᠤᠷ᠎ᠠ ᠪᠠᠲᠤᠯᠠᠭ᠎ᠠ᠂ ᠰᠢᠨ᠎ᠠ ᠮᠠᠶ᠋ᠢᠭ | ᠤᠨ ᠬᠤᠷᠰᠢᠭᠰᠡᠨ ᠡᠮ ᠡᠮᠨᠡᠯᠬᠡ ᠶᠢᠨ ᠪᠡᠯᠡ ᠬᠤᠷᠠᠮᠳᠣᠭᠤᠯᠬᠤ ᠪᠠᠷᠢᠮᠵᠢᠶ᠎ᠠ ᠵᠡᠷᠬᠡ ᠪᠠᠳᠣᠯᠠᠭ᠎ᠠ ᠶᠢᠨ ᠲᠦᠪᠰᠢᠨ ᠢ | ᠣᠯᠠᠮ ᠲᠡᠬᠡᠭᠰᠢᠯᠡᠬᠦᠯᠵᠣ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠣᠰᠣᠨ ᠨᠠᠰᠤᠵᠢᠯ ᠤᠨ ᠳᠠᠭᠠᠳᠬᠠᠯ | ᠤᠨ ᠨᠦᠬᠦᠪᠣᠷᠢ ᠶᠢ ᠬᠦᠮᠦᠨ ᠲᠣᠳᠣᠮ ᠰᠠᠷ᠎ᠠ ᠪᠦᠷᠢ 250 ᠲᠦᠬᠦᠷᠢᠭ ᠠᠴᠠ ᠨᠡᠮᠡᠭᠳᠡᠬᠦᠯᠣᠨ ᠬᠦᠮᠦᠨ ᠲᠣᠳᠣᠮ | ᠰᠠᠷ᠎ᠠ ᠪᠦᠷᠢ 255 ᠲᠦᠬᠦᠷᠢᠭ ᠪᠣᠯᠭᠠᠵᠣ᠂ ᠰᠢᠨ᠎ᠠ ᠮᠠᠶ᠋ᠢᠭ ᠤᠨ ᠬᠤᠷᠰᠢᠭᠰᠡᠨ ᠡᠮ ᠡᠮᠨᠡᠯᠬᠡ ᠶᠢᠨ ᠬᠦᠮᠦᠨ | ᠲᠣᠮᠳᠠᠴᠢ ᠶᠢᠨ ᠪᠡᠯᠡ ᠬᠤᠷᠠᠮᠳᠣᠭᠤᠯᠬᠤ ᠪᠠᠷᠢᠮᠵᠢᠶ᠎ᠠ ᠶᠢ 594 ᠲᠦᠬᠦᠷᠢᠭ ᠠᠴᠠ ᠨᠡᠮᠡᠭᠳᠡᠬᠦᠯᠣᠨ630 ᠲᠦᠬᠦᠷᠢᠭ | ᠲᠤ ᠬᠦᠷᠬᠡᠵᠣ᠂ ᠰᠠᠭᠤᠭᠠᠯᠢ ᠠᠷᠠᠳ ᠤᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠭᠥᠮᠥᠨ ᠲᠤᠳᠤᠮ ᠰᠠᠷ᠎ᠠ ᠪᠥᠷᠢ | 480 ᠲᠥᠭᠦᠷᠢᠭ ᠠᠴᠠ ᠨᠡᠮᠡᠭᠳᠡᠬᠦᠯᠣᠨ 495 ᠲᠥᠭᠦᠷᠢᠭ ᠲᠤ ᠬᠦᠷᠭᠡᠪᠡ᠃ ︽ᠭᠤᠷᠪᠠᠨ ᠠᠯᠪᠠᠨ ᠵᠠᠷᠣᠳᠠᠯ︾ ᠤᠨ | ᠵᠠᠷᠣᠯᠭ᠎ᠠ ᠶᠢᠨ ᠬᠠᠮᠢᠶᠠᠷᠣᠯᠲᠠ ᠶᠢ ᠪᠦᠬᠦ ᠲᠠᠯ᠎ᠠ ᠪᠠᠷ ᠴᠢᠩᠭᠠᠳᠬᠠᠵᠣ᠂ ︽ᠣᠲᠤᠭ ᠤᠨ ᠡᠮᠣᠨᠡᠲᠣ ᠬᠤᠰᠢᠭᠤᠨ ᠤ | ᠭᠤᠷᠪᠠᠨ ᠠᠯᠪᠠᠨ ᠵᠠᠷᠣᠳᠠᠯ ᠤᠨ ᠬᠠᠮᠢᠶᠠᠷᠣᠯᠲᠠ ᠪᠠ ᠢᠯᠡᠰᠢᠬᠦᠯᠣᠯᠲᠡ ᠶᠢᠨ ︵ᠲᠦᠷ ᠬᠡᠷᠡᠭᠵᠢᠬᠦᠯᠬᠦ︶ ᠠᠷᠭ᠎ᠠ︾᠂ | ︽ᠣᠲᠤᠭ ᠤᠨ ᠡᠮᠣᠨᠡᠲᠣ ᠬᠤᠰᠢᠭᠤᠨ ᠤ ᠲᠣᠰ ᠱᠠᠲᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠤᠨ | ᠬᠠᠮᠢᠶᠠᠷᠣᠯᠲᠠ ᠶᠢᠨ ᠠᠷᠭ᠎ᠠ︾ ᠵᠡᠷᠬᠡ ᠲᠦᠷᠢᠮ ᠲᠣᠭᠲᠠᠭᠠᠯ ᠢ ᠲᠣᠭᠳᠠᠭᠠᠪᠠ᠃ ᠠᠷᠪᠢᠯᠠᠨ ᠭᠠᠮᠨᠠᠬᠤ ᠶᠢ ᠡᠷᠬᠢᠮᠯᠡᠨ | ᠪᠦᠷᠢᠯᠬᠡᠨ ᠰᠣᠶᠢᠳᠬᠡᠬᠦ ᠶᠢ ᠡᠰᠡᠷᠬᠦᠴᠡᠵᠣ᠂ ᠪᠣᠷᠣ ᠬᠤᠨᠤᠭ ᠦᠩᠬᠡᠷᠡᠬᠡᠬᠦ ᠰᠣᠷᠲᠠᠯ ᠢ ᠡᠷᠬᠢᠮᠯᠡᠨ᠂ ︽ᠭᠤᠷᠪᠠᠨ | ᠠᠯᠪᠠᠨ ᠵᠠᠷᠣᠳᠠᠯ︾ ᠢ ᠬᠢᠵᠠᠭᠠᠷᠯᠠᠨ ᠬᠠᠮᠢᠶᠠᠷᠴᠣ᠂ ︽ᠭᠤᠷᠪᠠᠨ ᠠᠯᠪᠠᠨ︾ ᠤ ᠵᠠᠷᠣᠯᠭ᠎ᠠ ᠶᠢ ᠶᠡᠬᠡᠪᠡᠷ ᠪᠠᠭᠠᠰᠬᠠᠭᠠᠳ | ᠂ ᠪᠦᠬᠦ ᠬᠤᠰᠢᠭᠤᠨ ᠤ ︽ᠭᠤᠷᠪᠠᠨ ᠠᠯᠪᠠᠨ︾ ᠤ ᠵᠠᠷᠣᠯᠭ᠎ᠠ3635ᠲᠦᠮᠡᠨ ᠲᠦᠬᠦᠷᠢᠭ ᠪᠣᠯᠵᠣ᠂ ᠠᠳᠠᠯᠢ | ᠬᠤᠭᠤᠴᠠᠭᠠᠨ ᠤ ᠬᠢ ᠠᠴᠠ 31.19% ᠪᠠᠷ ᠪᠠᠭᠤᠷᠠᠵᠣ᠂ ᠨᠡᠶᠢᠲᠡ ᠶᠢᠨ ᠡᠩ ᠤᠨ ᠴᠢᠨᠠᠷᠲᠠᠢ ᠵᠠᠷᠣᠯᠭ᠎ᠠ | ᠨᠡᠮᠡᠭᠳᠡᠭᠰᠡᠨ ᠦᠬᠡᠢ᠃ ᠡᠳ᠋ ᠤᠨ ᠵᠠᠰᠠᠭ ᠤᠨ ᠮᠡᠳᠡᠭᠡ ᠵᠠᠩᠬᠢ ᠶᠢᠨ ᠢᠯᠡᠰᠢᠬᠦᠯᠣᠯᠲᠡ ᠶᠢ ᠠᠬᠢᠭᠤᠯᠵᠣ᠂ ᠡᠳ᠋ ᠤᠨ | ᠵᠠᠰᠠᠭ ᠤᠨ ᠲᠦᠰᠣᠪ᠂ ᠲᠦᠰᠣᠪ ᠤᠨ ᠬᠦᠢᠴᠡᠳᠬᠡᠯ ᠪᠠ ︽ᠭᠤᠷᠪᠠᠨ ᠠᠯᠪᠠᠨ ᠵᠠᠷᠣᠳᠠᠯ︾ ᠤᠨ ᠮᠡᠳᠡᠭᠡ ᠵᠠᠩᠬᠢ ᠶᠢ | ᠢᠯᠡᠰᠢᠬᠦᠯᠬᠦ ᠠᠵᠢᠯ ᠢ ᠡᠮᠬᠢ ᠴᠡᠭᠴᠡᠲᠡᠢ ᠶᠠᠪᠣᠭᠳᠠᠭᠤᠯᠵᠣ᠂ ᠪᠦᠬᠦ ᠬᠤᠰᠢᠭᠤᠨ ᠤ ᠪᠣᠢ ᠪᠦᠬᠦᠢ ᠵᠠᠰᠠᠭ ᠵᠠᠬᠢᠷᠭ᠎ᠠ | ᠠᠵᠢᠯ ᠦᠢᠯᠡᠰ ᠤᠨ ᠪᠠᠶᠢᠭᠤᠯᠭ᠎ᠠ ᠴᠦᠮ 2013 ᠣᠨ ᠤ ︽ᠭᠤᠷᠪᠠᠨ ᠠᠯᠪᠠᠨ ᠵᠠᠷᠣᠳᠠᠯ︾ ᠤᠨ ᠲᠦᠰᠣᠪ ᠤᠨ | ᠬᠦᠢᠴᠡᠳᠬᠡᠯ ᠪᠠ2014 ᠣᠨ ᠤ ︽ᠭᠤᠷᠪᠠᠨ ᠠᠯᠪᠠᠨ ᠵᠠᠷᠣᠳᠠᠯ︾ ᠤᠨ ᠲᠦᠰᠣᠪ ᠢᠶᠠᠨ ᠢᠯᠡᠰᠢᠬᠦᠯᠪᠡ᠃ | ︵ᠲᠦᠷᠪᠠ︶ ᠲᠣᠭᠳᠠᠴᠠ ᠶᠢ ᠲᠡᠬᠦᠯᠳᠡᠷᠵᠢᠬᠦᠯᠬᠦ ᠪᠠ ᠵᠣᠬᠢᠴᠠᠮᠵᠢ ᠶᠢ ᠴᠢᠩᠭᠠᠳᠬᠠᠬᠤ ᠶᠢ ᠬᠠᠮᠲᠣ ᠳᠤ ᠨᠢ | ᠲᠣᠪᠣᠶᠢᠯᠭᠠᠵᠣ᠂ ᠬᠠᠣᠯᠢ ᠶᠣᠰᠣᠭᠠᠷ ᠰᠢᠨᠵᠢᠯᠡᠬᠦ ᠣᠬᠠᠭᠠᠨᠴᠢ ᠪᠠᠷ ᠡᠳ᠋ ᠤᠨ ᠶᠠᠪᠣᠳᠠᠯ ᠢ ᠬᠠᠮᠢᠶᠠᠷᠴᠣ ᠦᠷ᠎ᠡ | ᠪᠦᠲᠣᠮᠵᠢ ᠣᠯᠪᠠ᠃ ᠬᠠᠮᠢᠶᠠᠷᠤᠯᠳᠠ ᠶᠢ ᠰᠢᠨᠡᠴᠢᠯᠡᠵᠣ᠂ ᠠᠵᠢᠯᠯᠠᠮᠵᠢ ᠡᠮᠬᠢ ᠴᠡᠭᠴᠡᠲᠡᠢ᠂ ᠬᠠᠮᠢᠶᠠᠷᠤᠯᠳᠠ ᠲᠦᠷᠢᠮᠵᠢᠯ | ᠲᠠᠢ᠂ ᠬᠦᠯᠢᠶᠡᠰᠣᠯᠡᠯ ᠬᠦᠴᠦᠨ ᠲᠠᠢ᠂ ᠰᠢᠨᠵᠢᠯᠡᠬᠦ ᠣᠬᠠᠭᠠᠨᠴᠢ ᠦᠨᠳᠣᠷ ᠦᠷ᠎ᠡ ᠠᠰᠢᠭ ᠲᠠᠢ ᠡᠳ᠋ ᠤᠨ ᠵᠠᠰᠠᠭ | ᠤᠨᠬᠠᠮᠢᠶᠠᠷᠤᠯᠳᠠ ᠶᠢᠨ ᠲᠦᠷᠢᠮ ᠲᠣᠭᠲᠠᠭᠠᠪᠠ᠃ ᠨᠡᠶᠢᠲᠡ ᠶᠢᠨ ᠡᠳ᠋ ᠤᠨ ᠵᠠᠰᠠᠭ ᠤᠨ ᠲᠦᠰᠣᠪ᠂ ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠲᠦᠰᠣᠪ᠂ ᠣᠯᠣᠰ ᠤᠨ ᠦᠮᠴᠢᠯᠡᠯᠲᠣ ᠬᠦᠷᠦᠩᠬᠡ ᠶᠢᠨ ᠡᠵᠡᠩᠨᠡᠯᠲᠡ | ᠶᠢᠨ ᠲᠦᠰᠣᠪ᠂ ᠨᠡᠶᠢᠬᠡᠮ ᠤᠨ ᠪᠠᠳᠣᠯᠠᠭ᠎ᠠ ᠶᠢᠨ ᠲᠦᠰᠣᠪ ᠳᠤᠭᠳᠠᠭᠠᠯᠳᠠ ᠶᠢ ᠢᠳᠡᠪᠬᠢᠲᠡᠢ ᠲᠡᠯᠬᠡᠷᠡᠬᠦᠯᠵᠤ᠂ | ᠲᠦᠰᠣᠪ ᠳᠤᠭᠳᠠᠭᠠᠯᠳᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠦᠢ ᠵᠣᠬᠢᠰᠲᠣ ᠴᠢᠨᠠᠷ ᠪᠠ ᠪᠦᠲᠦᠮᠵᠢᠲᠣ ᠴᠢᠨᠠᠷ ᠢ | ᠲᠡᠬᠡᠭᠰᠢᠯᠡᠬᠦᠯᠪᠡ︔ ᠤᠯᠤᠰ ᠤᠨ ᠭᠥᠮᠥᠷᠭᠡ ᠠᠴᠠ ᠲᠥᠪᠯᠡᠷᠡᠩᠭᠦᠢ ᠭᠠᠷᠭᠠᠬᠤ ᠲᠥᠷᠢᠮ ᠤᠨ ᠦᠬᠡᠷᠡᠴᠢᠯᠠᠯᠳᠠ ᠶᠢ | ᠲᠡᠬᠦᠯᠳᠡᠷᠵᠢᠬᠦᠯᠣᠨ᠂ ᠠᠯᠪᠠᠨ ᠺᠠᠷᠲ ᠢᠶᠠᠷ ᠲᠠᠰᠤᠯᠤᠨ ᠪᠣᠳᠣᠵᠣ ᠳᠠᠩᠰᠠᠨ ᠲᠠᠶᠢᠯᠬᠤ ᠲᠠᠷᠠᠭᠠᠯᠠᠯ ᠪᠠ ᠡᠳ᠋ ᠤᠨ | ᠶᠠᠪᠣᠳᠠᠯ ᠤᠨ ᠬᠢᠨᠠᠨ ᠵᠦᠪᠰᠢᠶᠡᠷᠡᠯ ᠤᠨ ᠶᠠᠪᠣᠴᠠ ᠶᠢ ᠣᠯᠠᠮ ᠲᠦᠷᠢᠮᠵᠢᠬᠦᠯᠵᠣ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠬᠠᠮᠢᠶᠠᠷᠣᠯᠲᠠ ᠶᠢ ᠴᠢᠩᠭᠠᠳᠬᠠᠪᠠ᠃ ᠡᠳ᠋ ᠤᠨ ᠵᠠᠰᠠᠭ ᠤᠨ ᠭᠠᠵᠠᠷ ᠤᠨ ᠥᠭᠡᠷᠡᠴᠢᠯᠠᠯᠳᠠ ᠶᠢ | ᠦᠷᠬᠦᠯᠵᠢᠯᠡᠨ ᠠᠬᠢᠭᠤᠯᠵᠣ᠂ ᠪᠠᠷᠢᠮᠵᠢᠶᠠᠵᠢᠭᠰᠠᠨ ᠡᠳ᠋ ᠤᠨ ᠵᠠᠰᠠᠭ ᠤᠨ ᠭᠠᠵᠠᠷ ᠢ ᠴᠢᠷᠮᠠᠶᠢᠨ ᠪᠠᠶᠢᠭᠤᠯᠵᠣ᠂ | ᠦᠨᠳᠣᠰᠣᠨ ᠱᠠᠲᠣᠨ ᠤ ᠡᠳ᠋ ᠤᠨ ᠵᠠᠰᠠᠭ ᠤᠨ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ | ᠲᠠᠷᠢᠶᠠᠴᠢᠨ︾ ᠳᠤ ᠦᠢᠯᠡᠴᠢᠯᠡᠬᠦ ᠲᠦᠪᠰᠢᠨ ᠢ ᠲᠡᠬᠡᠭᠰᠢᠯᠡᠬᠦᠯᠪᠡ︔ ᠱᠠᠩᠬᠠᠢ ᠶᠢᠨ ᠰᠦᠮ᠎ᠡ ᠨᠡᠬᠡᠬᠡᠯᠲᠡ ᠶᠢᠨ ᠣᠷᠣᠨ | ᠲᠠᠢ ᠬᠠᠮᠵᠢᠯᠴᠠᠨ ᠡᠳ᠋ ᠤᠨ ᠵᠠᠰᠠᠭ ᠤᠨ ᠠᠵᠢᠯᠯᠠᠮᠵᠢ ᠶᠢᠨ ᠲᠣᠭᠳᠠᠴᠠ ᠶᠢ ᠲᠡᠬᠦᠯᠳᠡᠷᠵᠢᠬᠦᠯᠵᠣ᠂ ᠬᠤᠰᠢᠭᠤ ᠲᠣᠰ | ᠱᠠᠲᠣ ᠬᠢᠬᠡᠳᠨᠡᠬᠡᠬᠡᠯᠲᠡ ᠶᠢᠨ ᠣᠷᠣᠨ ᠤ ᠡᠳ᠋ ᠤᠨ ᠵᠠᠰᠠᠭ ᠤᠨ ᠬᠤᠪᠢᠶᠠᠷᠢᠯᠠᠯ ᠤᠨ ᠬᠠᠷᠢᠴᠠᠭ᠎ᠠ ᠶᠢ ᠰᠢᠯᠣᠭᠤᠳᠬᠠᠪᠠ | ᠃ ᠵᠠᠰᠠᠭ ᠤᠨ ᠣᠷᠳᠣᠨ ᠤ ᠬᠤᠳᠠᠯᠳᠣᠨ ᠠᠪᠬᠤ ᠥᠭᠡᠷᠡᠴᠢᠯᠠᠯᠳᠠ ᠶᠢ ᠠᠬᠢᠭᠤᠯᠵᠣ᠂ ᠵᠠᠰᠠᠭ ᠤᠨ ᠣᠷᠳᠣᠨ ᠤ | ᠬᠤᠳᠠᠯᠳᠣᠨ ᠠᠪᠬᠤ ᠬᠦᠷᠢᠶ᠎ᠡ ᠬᠡᠪᠴᠢᠶ᠎ᠡ ᠶᠢ ᠣᠯᠠᠮ ᠦᠷᠭᠡᠳᠬᠡᠵᠣ᠂ ᠪᠦᠬᠦ ᠵᠢᠯ ᠳᠤ ᠵᠠᠰᠠᠭ ᠤᠨ ᠣᠷᠳᠣᠨ ᠤ | ᠬᠤᠳᠠᠯᠳᠣᠨ ᠠᠪᠣᠯᠲᠠ3172.4 ᠲᠦᠮᠡᠨ ᠲᠦᠬᠦᠷᠢᠭ ᠲᠤ ᠬᠦᠷᠴᠣ᠂ 202.7 ᠲᠦᠮᠡᠨ ᠲᠦᠬᠦᠷᠢᠭᠡᠳ᠋ ᠤᠨ | ᠵᠠᠰᠠᠭ ᠤᠨ ᠪᠡᠯᠡ ᠮᠥᠩᠭᠦ ᠠᠷᠪᠢᠯᠠᠵᠣ᠂ ᠪᠡᠯᠡ ᠮᠦᠩᠬᠦᠨ ᠤ ᠠᠷᠪᠢᠯᠠᠯᠲᠠ ᠶᠢᠨ ᠨᠣᠷᠮ᠎ᠠ6.39% ᠳᠤ ᠬᠦᠷᠪᠡ᠃ | ᠥᠷᠢ ᠥᠭᠴᠡᠭᠡᠨ ᠤ ᠬᠠᠮᠢᠶᠠᠷᠣᠯᠲᠠ ᠶᠢ ᠴᠢᠩᠭᠠᠳᠬᠠᠵᠣ᠂ ︽ᠤᠲᠤᠭ ᠤᠨ ᠡᠮᠤᠨᠡᠲᠤ ᠬᠤᠰᠢᠭᠤᠨ ᠤ ᠵᠠᠰᠠᠭ ᠤᠨ | ᠤᠷᠳᠤᠨ ᠤ ᠴᠢᠨᠠᠷ ᠲᠠᠢ ᠥᠷᠢ ᠥᠭᠴᠡᠭᠡ ᠶᠢᠨ ᠬᠠᠮᠢᠶᠠᠷᠤᠯᠳᠠ ᠶᠢᠨ ︵ᠲᠥᠷ ᠬᠡᠷᠡᠭᠵᠢᠬᠦᠯᠬᠦ︶ ᠠᠷᠭ᠎ᠠ ︾ ᠶᠢ | ᠴᠢᠩᠭ᠎ᠠ ᠬᠡᠷᠡᠭᠵᠢᠬᠦᠯᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ | ᠪᠦᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡᠨ ᠳᠤ ᠲᠠᠬᠢᠨᠲᠠ ᠨᠠᠷᠢᠯᠢᠭ | ᠬᠠᠷᠭᠤᠭᠤᠯᠳᠠ ᠬᠢᠵᠤ᠂ ᠥᠷᠢ ᠥᠭᠴᠡᠭᠡ ᠶᠢᠨ ᠰᠠᠭᠤᠷᠢ ᠲᠤᠭ᠎ᠠ ᠶᠢ ᠲᠣᠳᠣᠷᠬᠠᠶᠢᠯᠡᠪᠠ︔ ᠥᠷᠢ ᠥᠭᠴᠡᠭᠡ ᠶᠢ | ᠴᠢᠩᠭ᠎ᠠ ᠬᠢᠵᠠᠭᠠᠷᠯᠠᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠦᠬᠡᠢ ᠪᠠᠷ ᠲᠣᠷ᠎ᠠ ᠪᠠᠷ | ᠦᠷᠢ ᠬᠢᠬᠦ ᠦᠵᠡᠭᠳᠡᠯ ᠢ ᠦᠬᠡᠶᠢᠰᠬᠡᠪᠡ︔ ᠣᠯᠠᠨ ᠠᠪᠴᠠᠯ ᠢᠶᠠᠷ ᠦᠯᠡᠮᠡᠯ ᠦᠷᠢ ᠦᠭᠴᠡᠭᠡ ᠶᠢ ᠲᠣᠬᠢᠲᠠᠢ | ᠰᠢᠢᠳᠪᠣᠷᠢᠯᠡᠪᠡ᠃ | ᠠᠮᠵᠢᠯᠲᠡ ᠪᠠᠨ ᠨᠤᠳᠠᠯᠠᠬᠤ ᠶᠢᠨ ᠬᠠᠮᠲᠤ᠂ ᠪᠢᠲᠡ ᠪᠠᠰᠠ ᠤᠳᠤᠬᠠᠨ ᠤ ᠡᠳ᠋ ᠤᠨ ᠵᠠᠰᠠᠭ ᠤᠨ ᠠᠵᠢᠯ | ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢᠶᠠᠨ ᠰᠡᠷᠭᠡᠭ ᠢᠶᠠᠷ ᠳᠠᠨᠢᠬᠤ ᠬᠡᠷᠡᠭᠲᠡᠢ᠄ ᠡᠳ᠋ ᠤᠨ ᠵᠠᠰᠠᠭ | ᠤᠨ ᠤᠷᠤᠯᠭ᠎ᠠ ᠶᠢᠨ ᠨᠡᠮᠡᠭᠳᠡᠯ ᠤᠳᠠᠭᠠᠰᠢᠷᠠᠭᠰᠡᠨ ᠪᠠ ᠵᠠᠷᠤᠯᠭ᠎ᠠ ᠶᠢᠨ ᠬᠤᠪᠢᠷᠠᠰᠢ ᠦᠬᠡᠢ ᠨᠡᠮᠡᠭᠳᠡᠬᠦ ᠵᠦᠷᠢᠴᠡᠯ ᠨᠠᠩ | ᠳᠤᠪᠤᠶᠢᠮ᠎ᠠ︔ ︽ᠲᠦᠷᠪᠠᠨ ᠲᠦᠰᠤᠪ︾ ᠤᠨ ᠳᠤᠭᠳᠠᠭᠠᠯᠳᠠ ᠶᠢᠨ ᠰᠢᠨᠵᠢᠯᠡᠬᠦ ᠤᠬᠠᠭᠠᠨᠴᠢ ᠴᠢᠨᠠᠷ᠂ ᠪᠦᠷᠢᠨ | ᠪᠦᠳᠤᠨ ᠴᠢᠨᠠᠷ᠂ ᠲᠦᠷᠢᠮᠵᠢᠯᠳᠤ ᠴᠢᠨᠠᠷ ᠢ ᠳᠡᠬᠡᠭᠰᠢᠯᠡᠬᠦᠯᠬᠦ ᠴᠢᠬᠤᠯᠠᠳᠠᠢ︔ ᠲᠦᠰᠤᠪ ᠤᠨ ᠵᠠᠷᠤᠯᠭ᠎ᠠ ᠶᠢᠨ ᠴᠢᠩᠳᠠ | ᠬᠢᠵᠠᠭᠠᠷᠯᠠᠯ ᠢ ᠴᠢᠩᠭᠠᠤᠨᠬᠠᠬᠤ ᠴᠢᠬᠤᠯᠠᠳᠠᠢ︔ ᠳᠤᠰᠬᠠᠢ ᠲᠦᠷᠤᠯ ᠤᠨ ᠪᠡᠯᠡ ᠮᠦᠩᠬᠦ ᠶᠢᠨ ᠤᠯᠭᠤᠯᠳᠠ ᠶᠢᠨ | ᠨᠤᠷᠮ᠎ᠠ ᠦᠨᠳᠤᠷ ᠪᠤᠰᠤ᠂ ᠬᠡᠰᠡᠭ ᠳᠤᠰᠬᠠᠢ ᠲᠦᠷᠤᠯ ᠤᠨ ᠪᠡᠯᠡ ᠮᠦᠩᠬᠦ ᠶᠢᠨ ᠬᠡᠷᠡᠭᠯᠡᠯᠳᠠ ᠶᠢᠨ ᠦᠷ᠎ᠠ ᠠᠰᠢᠭ | ᠢᠯᠡᠷᠬᠡᠢ ᠪᠤᠰᠤ︔ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ ᠳᠠᠷᠤᠭᠠᠰᠤ ᠨᠡᠯᠢᠶᠡᠤᠨ ᠬᠦᠨᠳᠤ᠂ | ᠲᠦᠭᠰᠢᠬᠦᠷᠢ ᠶᠢᠨ ᠬᠡᠮ ᠰᠤᠭᠤᠭ ᠤᠮᠳᠤᠭᠠᠶᠢᠯᠠᠰᠢ ᠦᠬᠡᠢ ᠪᠤᠢ᠃ ᠡᠳᠡᠬᠡᠷ ᠠᠰᠠᠭᠤᠳᠠᠯ ᠢ ᠪᠢᠳᠠ ᠡᠷᠬᠡᠪᠰᠢ | ᠪᠦᠳᠤᠮᠵᠢᠳᠠᠢ ᠠᠷᠭ᠎ᠠ ᠬᠡᠮᠵᠢᠶ᠎ᠠ ᠠᠪᠴᠤ ᠳᠤᠬᠢᠳᠠᠢ ᠰᠢᠢᠤᠨᠪᠤᠷᠢᠯᠡᠬᠦ ᠴᠢᠬᠤᠯᠠ ᠲᠠᠢ ᠪᠠᠶᠢᠨ᠎ᠠ᠃ | ᠬᠤᠶᠠᠷ᠂ 2015 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | 2015 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ | ᠪᠤᠯ᠄ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ | ᠬᠦᠨᠵᠡᠬᠡᠢ ᠳᠤᠤᠱᠯᠠᠭᠤᠯᠵᠤ᠂ ᠳᠤᠭᠳᠠᠭᠤᠨ ᠢᠶᠠᠷ ᠬᠦᠭᠵᠢᠬᠦᠯᠬᠦ ᠶᠡᠷᠤᠩᠬᠡᠢ ᠵᠠᠷᠴᠢᠮ ᠢ ᠪᠠᠷᠢᠮᠳᠠᠯᠠᠵᠤ᠂ ᠬᠡᠯᠪᠡᠷᠢ ᠶᠢ | ᠬᠤᠪᠢᠷᠠᠭᠤᠯᠤᠨ ᠬᠦᠭᠵᠢᠬᠦᠯᠬᠦ ᠰᠢᠨ᠎ᠠ ᠪᠠᠶᠢᠳᠠᠯ ᠳᠤ ᠰᠠᠨᠠᠭᠠᠴᠢᠯᠠᠭᠠᠳᠠᠢ ᠵᠤᠬᠢᠴᠠᠬᠤ ᠪᠠ ᠤᠶᠢᠯᠡᠴᠢᠯᠡᠵᠤ᠂ ᠡᠳ᠋ ᠤᠨ | ᠵᠠᠰᠠᠭ ᠭᠠᠶᠢᠯᠢ ᠶᠢᠨ ᠶᠠᠪᠤᠳᠠᠯ ᠤᠨ ᠦᠬᠡᠷᠡᠴᠢᠯᠠᠯᠳᠠ ᠶᠢ ᠬᠦᠨᠵᠡᠬᠡᠢ ᠠᠬᠢᠭᠤᠯᠵᠤ᠂ ᠤᠷᠤᠯᠭ᠎ᠠ ᠶᠢᠨ ᠳᠤᠭᠳᠠᠭᠤᠨ | ᠨᠡᠮᠡᠭᠳᠡᠯ ᠢ ᠪᠠᠳᠤᠯᠠᠨ᠎ᠠ︔ ᠵᠠᠷᠤᠯᠭ᠎ᠠ ᠶᠢᠨ ᠪᠦᠳᠤᠴᠠ ᠶᠢ ᠶᠡᠬᠡᠪᠡᠷ ᠰᠢᠯᠢᠳᠡᠭᠵᠢᠬᠦᠯᠵᠤ᠂ ᠠᠷᠠᠤᠨ ᠤᠨ ᠠᠮᠢᠳᠤᠷᠠᠯ᠂ | ᠬᠡᠯᠪᠡᠷᠢ ᠶᠢ ᠬᠤᠪᠢᠷᠠᠭᠠᠬᠤ ᠵᠡᠷᠬᠡ ᠭᠤᠤᠯᠳᠠᠯᠭᠠᠳᠤ ᠵᠠᠷᠤᠯᠭ᠎ᠠ ᠶᠢ ᠪᠠᠳᠤᠯᠠᠨ᠎ᠠ︔ ᠬᠠᠤᠯᠢ ᠶᠤᠰᠤᠭᠠᠷ ᠡᠳ᠋ ᠤᠨ | ᠶᠠᠪᠤᠳᠠᠯ ᠢ ᠬᠠᠮᠢᠶᠠᠷᠬᠤ ᠶᠢ ᠪᠠᠷᠢᠮᠳᠠᠯᠠᠵᠤ᠂ ᠲᠦᠭᠰᠢᠬᠦᠷᠢ ᠶᠢ ᠰᠡᠷᠬᠡᠶᠢᠯᠡᠨ ᠬᠢᠵᠠᠭᠠᠷᠯᠠᠬᠤ ᠶᠢ ᠴᠢᠩᠭᠠᠤᠨᠬᠠᠵᠤ᠂ ᠪᠡᠯᠡ | ᠮᠦᠩᠬᠦ ᠶᠢᠨ ᠦᠷ᠎ᠠ ᠠᠰᠢᠭ ᠢ ᠳᠡᠬᠡᠭᠰᠢᠯᠡᠬᠦᠯᠵᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠡᠷᠡᠬᠦᠯ | ᠳᠤᠭᠳᠠᠭᠤᠨ ᠬᠦᠭᠵᠢᠯᠳᠠ ᠶᠢ ᠠᠬᠢᠭᠤᠯᠤᠨ᠎ᠠ᠃ | ᠲᠦᠰᠤᠪ ᠳᠤᠭᠳᠠᠭᠠᠬᠤ ᠵᠠᠷᠴᠢᠮ᠄ ᠨᠢᠬᠡ ᠳᠤ ᠪᠤᠳᠠᠳᠠᠢ ᠶᠢ ᠡᠷᠬᠢᠮᠯᠠᠨ ᠢᠳᠡᠪᠬᠢᠳᠠᠢ ᠯᠠᠪᠳᠠᠭᠤᠨ ᠢᠶᠠᠷ | ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ ᠤᠷᠤᠯᠭ᠎ᠠ ᠶᠢᠨ ᠲᠦᠰᠤᠪ ᠢ ᠬᠢᠵᠠᠭᠠᠷᠯᠠᠬᠤ ᠠᠴᠠ ᠵᠢᠱᠢᠬᠦ ᠳᠡᠰᠢ | ᠠᠯᠬᠤᠮ ᠠᠯᠬᠤᠮ ᠢᠶᠠᠷ ᠬᠤᠪᠢᠷᠠᠭᠤᠯᠵᠤ᠂ ᠪᠦᠬᠦ ᠬᠤᠰᠢᠭᠤᠨ ᠤ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ | ᠦᠷᠳᠡᠭ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠭᠤᠤᠯ ᠬᠦᠭᠵᠢᠯᠳᠠ ᠶᠢᠨ | ᠵᠢᠱᠢᠭᠰᠡᠨ ᠬᠠᠷᠠᠯᠳᠠ ᠲᠠᠢ ᠵᠤᠬᠢᠴᠠᠭᠤᠯᠵᠤ᠂ ᠤᠯᠤᠰ ᠤᠨ ᠭᠠᠶᠢᠯᠢ ᠶᠢᠨ ᠲᠦᠷᠢᠮ ᠢ ᠳᠡᠬᠦᠯᠳᠡᠷᠵᠢᠬᠦᠯᠬᠦ ᠪᠠ ᠵᠠᠰᠠᠭ | ᠵᠠᠬᠢᠷᠭ᠎ᠠ ᠠᠵᠢᠯ ᠤᠶᠢᠯᠡᠰ ᠤᠨ ᠴᠢᠨᠠᠷᠳᠠᠢ ᠬᠤᠷᠢᠶᠠᠬᠤ ᠵᠠᠷᠤᠳᠠᠯ ᠢ ᠦᠬᠡᠶᠢᠰᠬᠡᠬᠦ ᠵᠡᠷᠬᠡ ᠭᠠᠶᠢᠯᠢ ᠶᠢᠨ ᠪᠤᠰᠤ | ᠤᠷᠤᠯᠭ᠎ᠠ ᠶᠢᠨ ᠲᠦᠷᠤ ᠶᠢᠨ ᠪᠤᠳᠤᠯᠭ᠎ᠠ ᠲᠠᠢ ᠤᠶᠠᠯᠳᠤᠭᠤᠯᠵᠤ᠂ ᠠᠵᠢᠯ ᠤᠶᠢᠯᠡᠰ᠂ ᠭᠠᠶᠢᠯᠢ ᠶᠢᠨ ᠲᠦᠷᠤᠯ ᠢ | ᠦᠨᠳᠤᠰᠤᠯᠠᠨ ᠤᠷᠤᠯᠭ᠎ᠠ ᠪᠠ ᠡᠳ᠋ ᠤᠨ ᠬᠦᠴᠤᠨ ᠢ ᠪᠤᠳᠠᠳᠠᠢ ᠲᠦᠰᠤᠪᠯᠡᠨᠠ᠃ ᠵᠠᠷᠤᠯᠭ᠎ᠠ ᠶᠢᠨ ᠲᠦᠰᠤᠪ ᠪᠠ | ᠤᠷᠤᠯᠭ᠎ᠠ ᠶᠢᠨ ᠲᠦᠰᠤᠪ ᠢ ᠬᠠᠷᠢᠯᠴᠠᠨ ᠬᠠᠷᠠᠭᠠᠯᠵᠠᠭᠤᠯᠵᠤ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ | ᠬᠤᠶᠠᠷ ᠲᠤ ᠨᠢᠬᠡᠳᠤᠯᠳᠠᠢ ᠲᠦᠯᠤᠪᠯᠡᠨ ᠠᠷᠪᠢᠯᠠᠨ ᠭᠠᠮᠨᠠᠵᠤ ᠭᠤᠤᠯᠳᠠᠯᠭ᠎ᠠ ᠶᠢ ᠳᠤᠪᠤᠶᠢᠯᠭᠠᠨ᠎ᠠ᠃ ︽ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ | ᠡᠷᠬᠢᠮᠯᠡᠵᠤ ᠪᠦᠷᠢᠯᠬᠡᠨ ᠰᠦᠢᠤᠨᠬᠡᠬᠦ ᠶᠢ ᠡᠰᠡᠷᠬᠦᠴᠡᠬᠦ ᠬᠡᠷᠡᠭᠵᠢᠬᠦᠯᠤᠯᠳᠠ ᠶᠢᠨ ᠨᠠᠷᠢᠮ ᠲᠦᠷᠢᠮ︾ ᠶᠢ ᠪᠦᠬᠦ ᠳᠠᠯ᠎ᠠ | ᠪᠠᠷ ᠪᠤᠳᠠᠳᠠᠶᠢᠵᠢᠭᠤᠯᠵᠤ᠂ ᠪᠤᠷᠤ ᠬᠤᠨᠤᠭ ᠦᠩᠬᠡᠷᠡᠬᠡᠬᠦ ᠦᠵᠡᠯ ᠰᠠᠨᠠᠭ᠎ᠠ ᠶᠢ ᠢᠮᠠᠭᠳᠠ ᠪᠠᠷᠢᠮᠳᠠᠯᠠᠵᠤ᠂ ︽ᠭᠤᠷᠪᠠᠨ | ᠠᠯᠪᠠᠨ︾ ᠵᠠᠷᠤᠳᠠᠯ᠂ ᠬᠤᠷᠠᠯ ᠤᠨ ᠵᠠᠷᠤᠳᠠᠯ᠂ ᠲᠦᠬᠦᠬᠡᠷᠤᠮᠵᠢ ᠬᠤᠳᠠᠯᠳᠤᠨ ᠠᠪᠬᠤ᠂ ᠠᠵᠢᠯ ᠤᠨ ᠵᠠᠷᠤᠳᠠᠯ ᠵᠡᠷᠬᠡ | ᠶᠡᠷᠤ ᠶᠢᠨ ᠴᠢᠨᠠᠷᠳᠠᠢ ᠵᠠᠷᠤᠯᠭ᠎ᠠ ᠶᠢ ᠪᠠᠭᠠᠰᠬᠠᠵᠤ᠂ ᠵᠠᠰᠠᠭ ᠵᠠᠬᠢᠷᠭᠠᠨ ᠤ ᠡᠷᠬᠢᠯᠳᠠ ᠶᠢᠨ ᠦᠪᠡᠷ ᠤᠨ ᠦᠷᠳᠡᠭ ᠢ | ᠪᠠᠭᠤᠷᠠᠭᠤᠯᠤᠨ᠎ᠠ᠃ ᠦᠨᠳᠤᠰᠤᠨ ᠨᠠᠶᠢᠳᠠ ᠶᠢᠨ ᠤᠶᠢᠯᠡᠴᠢᠯᠡᠬᠡᠨ ᠤ ᠵᠤᠬᠢᠰᠳᠠᠢ ᠱᠠᠭᠠᠷᠳᠠᠯᠭ᠎ᠠ ᠶᠢ ᠪᠠᠳᠤᠯᠠᠭᠰᠡᠨ | ᠤᠷᠢᠳᠠᠯ ᠳᠤᠤᠷ᠎ᠠ ᠨᠠᠩ ᠠᠷᠪᠢᠨ ᠡᠳ᠋ ᠤᠨ ᠬᠦᠴᠤᠨ ᠢ ᠠᠷᠠᠤᠨ ᠤᠨ ᠠᠮᠢᠳᠤᠷᠠᠯ᠂ ᠬᠡᠯᠪᠡᠷᠢ ᠪᠠᠨ ᠬᠤᠪᠢᠷᠠᠭᠠᠬᠤ | ᠬᠦᠭᠵᠢᠯᠳᠠ ᠶᠢᠨ ᠰᠠᠭᠤᠷᠢ ᠮᠦᠩᠬᠦ᠂ ︽ᠠᠷᠪᠠᠨ ᠪᠦᠬᠦ ᠪᠦᠷᠬᠦᠴᠠ︾᠂ ᠨᠠᠷᠢᠯᠢᠭ ᠤᠨᠤᠪᠴᠢᠳᠠᠢ ᠪᠠᠷ ᠶᠠᠳᠠᠭᠤ ᠶᠢ | ᠳᠡᠤᠨᠬᠦᠬᠦ ᠢᠨᠵᠧᠨᠧᠷᠢᠩ ᠵᠢᠴᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ | ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠭᠤᠤᠯᠳᠠᠯᠭ᠎ᠠ ᠲᠠᠢ ᠪᠠᠳᠤᠯᠠᠬᠤ ᠪᠠ ᠵᠠᠰᠠᠭ ᠤᠨ ᠤᠷᠳᠤᠨ ᠤ | ᠴᠢᠨᠠᠷᠳᠠᠢ ᠦᠷᠢ ᠦᠭᠴᠡᠭᠡ ᠶᠢ ᠰᠢᠢᠤᠨᠪᠤᠷᠢᠯᠡᠬᠦ ᠳᠤ ᠵᠠᠷᠤᠴᠠᠭᠤᠯᠤᠨ᠎ᠠ᠃ ᠭᠤᠷᠪᠠ ᠳᠤ ᠲᠦᠰᠤᠪ ᠤᠨ ᠬᠠᠮᠢᠶᠠᠷᠤᠯᠳᠠ | ᠶᠢ ᠴᠢᠩᠭᠠᠤᠨᠬᠠᠬᠤ ᠪᠠ ᠰᠠᠶᠢᠵᠢᠷᠠᠭᠤᠯᠤᠨ᠎ᠠ᠃ ᠬᠤᠰᠢᠭᠤᠨ ᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ | ᠦᠯᠡᠳᠡᠪᠤᠷᠢ᠂ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ︵ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ | ᠮᠦᠩᠬᠦ ᠶᠢ ᠪᠠᠭᠳᠠᠭᠠᠨ᠎ᠠ︶ ᠶᠢ 2015 ᠤᠨ ᠤ ᠲᠦᠰᠤᠪ ᠳᠤᠭᠳᠠᠭᠠᠬᠤ ᠲᠠᠢ ᠨᠢᠬᠡᠳᠤᠯᠳᠠᠢ ᠲᠦᠯᠤᠪᠯᠡᠵᠤ᠂ | ᠦᠯᠡᠳᠡᠭᠰᠡᠨ ᠪᠡᠯᠡ ᠮᠦᠩᠬᠦ ᠶᠢ ᠤᠯᠠᠮ ᠠᠮᠢᠳᠤᠯᠢᠭᠵᠢᠭᠤᠯᠤᠨ᠎ᠠ᠃ ᠢᠯᠡᠰᠢᠬᠦᠯᠬᠦ ᠲᠦᠰᠤᠯ ᠶᠤᠰᠤᠭᠠᠷ ᠡᠳ᠋ ᠤᠨ | ᠵᠠᠰᠠᠭ ᠤᠨ ᠲᠦᠰᠤᠪ ᠪᠠ ᠲᠦᠰᠤᠪ ᠤᠨ ᠬᠦᠢᠴᠡᠤᠨᠬᠡᠯ᠂ ᠰᠠᠯᠠᠭ᠎ᠠ ᠮᠦᠴᠢᠷ ᠤᠨ ᠲᠦᠰᠤᠪ ᠪᠠ ᠲᠦᠰᠤᠪ ᠤᠨ | ᠬᠦᠢᠴᠡᠤᠨᠬᠡᠯ᠂ ︽ᠭᠤᠷᠪᠠᠨ ᠠᠯᠪᠠᠨ ᠵᠡᠷᠤᠳᠠᠯ︾ ᠤᠨ ᠲᠦᠰᠤᠪ ᠪᠠ ᠲᠦᠰᠤᠪ ᠤᠨ ᠬᠦᠢᠴᠡᠤᠨᠬᠡᠯ ᠢ ᠴᠠᠭ ᠳᠤᠬᠠᠢ | ᠳᠤ ᠨᠢ ᠢᠯᠡᠰᠢᠬᠦᠯᠵᠤ᠂ ᠠᠭᠤᠯᠭ᠎ᠠ ᠶᠢ ᠠᠯᠬᠤᠮ ᠠᠯᠬᠤᠮ ᠢᠶᠠᠷ ᠨᠠᠷᠢᠯᠢᠭᠵᠢᠭᠤᠯᠤᠨ᠎ᠠ᠃ ᠲᠦᠷᠤᠯ ᠵᠦᠢᠯ ᠤᠨ | ᠬᠦᠮᠤᠷᠬᠡ ᠪᠠ ᠲᠦᠷᠤᠯ ᠵᠦᠢᠯ ᠢ ᠦᠨᠡᠯᠡᠨ ᠬᠢᠨᠠᠬᠤ ᠲᠦᠷᠢᠮ ᠳᠤᠭᠳᠠᠭᠠᠵᠤ᠂ ᠲᠦᠷᠤᠯ ᠵᠦᠢᠯ ᠤᠨ ᠲᠦᠰᠤᠪ ᠢ | ᠡᠷᠬᠡᠪᠰᠢ ᠦᠨᠡᠯᠡᠨ ᠬᠢᠨᠠᠭᠰᠡᠨ ᠤ ᠳᠠᠷᠠᠭ᠎ᠠ ᠳᠤᠬᠢᠷᠠᠭᠤᠯᠬᠤ ᠪᠠ ᠳᠤᠷᠤᠭᠰᠢ ᠪᠠᠭᠤᠯᠭᠠᠨ᠎ᠠ᠃ ᠬᠠᠷᠠᠯᠳᠠ ᠤᠶᠢᠷᠠᠯᠴᠠᠭ᠎ᠠ | ᠂ ᠪᠡᠯᠡ ᠮᠦᠩᠬᠦ ᠶᠢᠨ ᠤᠷᠤᠭᠤᠯᠤᠯᠳᠠ ᠶᠢᠨ ᠴᠢᠭᠯᠡᠯ ᠠᠳᠠᠯᠢᠪᠳᠤᠷ᠂ ᠪᠡᠯᠡ ᠮᠦᠩᠬᠦ ᠶᠢᠨ ᠬᠠᠮᠢᠶᠠᠷᠤᠯᠳᠠ ᠶᠢᠨ ᠠᠷᠭ᠎ᠠ | ᠲᠦᠰᠤᠬᠡᠳᠠᠢ ᠳᠤᠰᠬᠠᠢ ᠲᠦᠷᠤᠯ ᠤᠨ ᠪᠡᠯᠡ ᠮᠦᠩᠬᠦ ᠶᠢ ᠴᠤᠭᠴᠠᠵᠢᠭᠤᠯᠵᠤ᠂ ᠰᠢᠨ᠎ᠠ ᠪᠠᠷ ᠳᠤᠰᠬᠠᠢ ᠲᠦᠷᠤᠯ ᠤᠨ | ᠪᠡᠯᠡ ᠮᠦᠩᠬᠦ ᠭᠠᠷᠭᠠᠬᠤ ᠶᠢ ᠴᠢᠩᠭ᠎ᠠ ᠬᠢᠵᠠᠭᠠᠷᠯᠠᠵᠤ᠂ ᠳᠤᠰᠬᠠᠢ ᠲᠦᠷᠤᠯ ᠤᠨ ᠪᠡᠯᠡ ᠮᠦᠩᠬᠦ ᠶᠢ ᠳᠤᠭᠳᠠᠭᠰᠡᠨ | ᠬᠤᠭᠤᠴᠠᠭ᠎ᠠ ᠲᠠᠢ ᠦᠨᠡᠯᠡᠬᠦ ᠪᠠ ᠭᠠᠷᠭᠠᠬᠤ ᠲᠦᠷᠢᠮ ᠢ ᠬᠡᠷᠡᠭᠵᠢᠬᠦᠯᠤᠨ᠎ᠠ᠃ ᠡᠳ᠋ ᠤᠨ ᠵᠠᠰᠠᠭ ᠤᠨ ᠬᠠᠮᠢᠶᠠᠷᠤᠯᠳᠠ | ᠶᠢᠨ ᠪᠦᠳᠤᠮᠵᠢ ᠶᠢ ᠶᠡᠷᠤᠩᠬᠡᠶᠢᠯᠡᠨ ᠦᠨᠡᠯᠡᠬᠦ ᠰᠢᠰᠲ᠋ᠧᠮ ᠢ ᠪᠠᠶᠢᠭᠤᠯᠵᠤ᠂ ᠦᠨᠡᠯᠡᠬᠦ ᠬᠦᠷᠢᠶ᠎ᠠ ᠬᠡᠪᠴᠢᠶ᠎ᠡ ᠶᠢ | ᠦᠷᠬᠡᠤᠨᠬᠡᠨᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠶᠢ ᠴᠢᠩᠭᠠᠤᠨᠬᠠᠵᠤ᠂ ᠭᠠᠳᠠᠭᠰᠢ ᠵᠢᠬᠡᠯᠡᠭᠰᠡᠨ | ᠵᠤᠭᠤᠰ ᠢᠶᠠᠨ ᠬᠠᠷᠭᠤᠭᠤᠯᠤᠨ ᠪᠠᠶᠢᠴᠠᠭᠠᠬᠤ ᠪᠠ ᠲᠦᠷ ᠦᠭᠬᠦᠭᠰᠡᠨᠵᠤᠭᠤᠰ ᠢᠶᠠᠨ ᠰᠢᠢᠤᠨᠪᠤᠷᠢᠯᠡᠬᠦ ᠬᠦᠴᠤᠯᠡᠴᠠ ᠶᠢ | ᠶᠡᠬᠡᠤᠨᠬᠡᠵᠤ᠂ ᠡᠳ᠋ ᠤᠨ ᠵᠠᠰᠠᠭ ᠤᠨ ᠲᠦᠭᠰᠢᠬᠦᠷᠢ ᠶᠢ ᠰᠡᠷᠬᠡᠶᠢᠯᠡᠨ᠎ᠠ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠦᠰᠤᠪ | 2015 ᠤᠨ ᠤ ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠦᠰᠤᠪ ᠢ 15.88 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 8% ᠦᠰᠬᠡᠨ᠎ᠠ ︵ᠱᠠᠩᠬᠠᠢ | ᠶᠢᠨ ᠰᠦᠮ᠎ᠠ ᠨᠡᠬᠡᠬᠡᠯᠳᠠ ᠶᠢᠨ ᠤᠷᠤᠨ ᠤ 0.85 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠪᠠᠭᠳᠠᠭᠠᠨ᠎ᠠ︶᠂ | ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ ᠬᠤᠪᠢᠶᠠᠷᠢᠯᠠᠯ ᠤᠨ ᠤᠷᠤᠯᠭ᠎ᠠ ᠶᠢᠨ ᠲᠦᠷᠤᠯ ᠵᠦᠢᠯ ᠪᠤᠯ᠄ | ⑴ ᠭᠠᠶᠢᠯᠢ ᠶᠢᠨ ᠤᠷᠤᠯᠭ᠎ᠠ 10.8 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 4.66% ᠥᠰᠭᠡᠨ᠎ᠡ᠃ | ⑵ ᠭᠠᠶᠢᠯᠢ ᠶᠢᠨ ᠪᠤᠰᠤ ᠤᠷᠤᠯᠭ᠎ᠠ 5.08 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 15.98% | ᠦᠰᠬᠡᠨ᠎ᠠ᠃ | 2. ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ | ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ 2015 ᠤᠨ ᠤ | ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠢ 26.83 ᠳ᠋ᠦᠩᠰᠢᠭᠤᠷ | ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 13.49% ᠦᠰᠬᠡᠨ᠎ᠠ ︵ᠱᠠᠩᠬᠠᠢ ᠶᠢᠨ | ᠰᠦᠮ᠎ᠠ ᠨᠡᠬᠡᠬᠡᠯᠳᠠ ᠶᠢᠨ ᠤᠷᠤᠨ ᠤ 0.93 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠃ | ⑴ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ | 5.21 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 9.45% ᠥᠰᠭᠡᠨ᠎ᠡ︔ | ᠠᠯᠪᠠᠨ ᠬᠡᠷᠡᠭᠯᠡᠬᠡᠨ ᠤ ᠪᠠ ᠠᠵᠢᠯ ᠥᠢᠯᠡᠰ ᠤᠨ ᠵᠠᠷᠤᠳᠠᠯ ᠤᠨ ᠵᠠᠷᠤᠯᠭ᠎ᠠ ᠶᠢᠨ ᠲᠦᠰᠤᠪ ᠢ 2.98 ᠳ᠋ᠦᠩᠰᠢᠭᠤᠷ | ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 7.45% ᠪᠠᠭᠤᠷᠠᠭᠤᠯᠤᠨ᠎ᠠ︔ ᠲᠦᠷᠤᠯ | ᠵᠦᠢᠯ ᠤᠨ ᠵᠠᠷᠤᠯᠭ᠎ᠠ ᠶᠢᠨ ᠲᠦᠰᠤᠪ ᠢ 18.64 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ | ᠳᠡᠬᠡᠷ᠎ᠠ ᠵᠢᠯ ᠠᠴᠠ 83.91% ᠪᠠᠭᠤᠷᠠᠭᠤᠯᠤᠨ᠎ᠠ᠃ | ⑵ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ | ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 1.82 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 12% ᠥᠰᠭᠡᠨ᠎ᠡ᠃ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.89 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ | ᠠᠴᠠ 29% ᠥᠰᠭᠡᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 2.35 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 0. | 08% ᠥᠰᠭᠡᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.05 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ | 58% ᠦᠰᠬᠡᠨ᠎ᠠ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.66 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 50% ᠥᠰᠭᠡᠨ᠎ᠡ︔ | 6︶ ᠨᠠᠶᠢᠬᠡᠮ ᠤᠨ ᠪᠠᠳᠤᠯᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.55 ᠳ᠋ᠦᠩᠰᠢᠭᠤᠷ ᠲᠦᠬᠦᠷᠢᠭ᠂ | ᠨᠢᠳᠥᠨᠥᠨ ᠤ ᠲᠥᠰᠥᠪ ᠠᠴᠠ 0.01% ᠪᠠᠭᠤᠷᠠᠭᠤᠯᠤᠨ᠎ᠠ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 0.82 ᠳ᠋ᠦᠩᠰᠢᠭᠤᠷ | ᠲᠦᠬᠦᠷᠢᠭ᠂ ᠨᠢᠳᠥᠨᠥᠨ ᠤ ᠲᠥᠰᠥᠪ ᠠᠴᠠ 12% ᠪᠠᠭᠤᠷᠠᠭᠤᠯᠤᠨ᠎ᠠ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 1.37 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 19% ᠦᠰᠬᠡᠨ᠎ᠠ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.92 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 80% ᠪᠠᠭᠤᠷᠠᠭᠤᠯᠤᠨ᠎ᠠ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 5.26 ᠳ᠋ᠦᠩᠰᠢᠭᠤᠷ ᠲᠦᠬᠦᠷᠢᠭ᠂ | ᠨᠢᠳᠥᠨᠥᠨ ᠤ ᠲᠥᠰᠥᠪ ᠠᠴᠠ 62% ᠦᠰᠬᠡᠨ᠎ᠠ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.97 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ | ᠠᠴᠠ67% ᠦᠰᠬᠡᠨ᠎ᠠ︔ | 12︶ ᠡᠬᠢ ᠰᠤᠷᠪᠤᠯᠵᠢ ᠶᠢ ᠬᠠᠶᠢᠨ ᠰᠢᠨᠵᠢᠯᠡᠬᠦ ᠰᠤᠷᠠᠭ ᠵᠠᠩᠬᠢ ᠵᠡᠷᠬᠡ ᠵᠠᠷᠤᠯᠭ᠎ᠠ 0.15 ᠳ᠋ᠦᠩᠰᠢᠭᠤᠷ ᠲᠦᠬᠦᠷᠢᠭ᠂ | ᠨᠢᠳᠥᠨᠥᠨ ᠤ ᠲᠥᠰᠥᠪ ᠠᠴᠠ 27% ᠦᠰᠬᠡᠨ᠎ᠠ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 0.04 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 67% ᠪᠠᠭᠤᠷᠠᠭᠤᠯᠤᠨ᠎ᠠ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 0.05 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 17% ᠪᠠᠭᠤᠷᠠᠭᠤᠯᠤᠨ᠎ᠠ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 0.82 ᠳ᠋ᠦᠩᠰᠢᠭᠤᠷ ᠲᠦᠬᠦᠷᠢᠭ᠂ ᠨᠢᠳᠥᠨᠥᠨ ᠤ | ᠲᠥᠰᠥᠪ ᠠᠴᠠ 30% ᠦᠰᠬᠡᠨ᠎ᠠ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 0.04 ᠳ᠋ᠦᠩᠰᠢᠭᠤᠷ ᠲᠦᠬᠦᠷᠢᠭ᠂ ᠨᠢᠳᠤᠨᠤᠨ ᠤ | ᠲᠦᠰᠣᠪ ᠠᠴᠠ 33% ᠥᠰᠭᠡᠨ᠎ᠡ︔ | 17︶ ᠪᠡᠯᠡᠤᠨᠬᠡᠯ ᠵᠠᠷᠤᠳᠠᠯ 0.31 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ55% ᠥᠰᠭᠡᠨ᠎ᠡ︔ | | 18︶ ᠪᠤᠰᠤᠤᠨ ᠵᠠᠷᠤᠯᠭ᠎ᠠ 8.76 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ135 % | ᠦᠰᠬᠡᠨ᠎ᠠ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ ᠢ ︽ᠤᠷᠤᠯᠭ᠎ᠠ ᠪᠠᠷ ᠵᠠᠷᠤᠯᠭ᠎ᠠ ᠶᠢ | ᠳᠤᠭᠳᠠᠭᠠᠬᠤ᠂ ᠳᠤᠰᠬᠠᠢ ᠵᠤᠭᠤᠰ ᠢ ᠳᠤᠰᠬᠠᠢ ᠬᠡᠷᠡᠭᠯᠡᠬᠦ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠬᠦ︾ ᠵᠠᠷᠴᠢᠮ | ᠢ ᠦᠨᠳᠤᠰᠤᠯᠡᠨ ᠳᠤᠭᠳᠠᠭᠠᠨ᠎ᠠ᠃ | 1. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ | 2015 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 2.02 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 19.8% | ᠪᠠᠭᠤᠷᠠᠭᠤᠯᠤᠨ᠎ᠠ᠃ ᠡᠬᠦᠨ ᠳᠤ᠂ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ | ᠮᠦᠩᠬᠦᠨ ᠤ ᠤᠷᠤᠯᠭ᠎ᠠ 1.16 ᠳ᠋ᠦᠩᠰᠢᠭᠤᠷ ᠲᠦᠬᠦᠷᠢᠭ᠂ 2.65% ᠦᠰᠬᠡᠨ᠎ᠠ︔ 2014 ᠤᠨ ᠤ | ᠦᠯᠡᠳᠡᠪᠤᠷᠢ ᠶᠢᠨ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ︵ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ | ᠮᠦᠩᠬᠦ ᠶᠢ ᠪᠠᠭᠳᠠᠭᠠᠨ᠎ᠠ︶ 0.86 ᠳ᠋ᠦᠩᠰᠢᠭᠤᠷ ᠲᠦᠬᠦᠷᠢᠭ᠃ | 2. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ | 2015 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 2.02 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 19.8% | ᠪᠠᠭᠤᠷᠠᠭᠤᠯᠤᠨ᠎ᠠ᠃ ᠡᠬᠦᠨ ᠳᠤ᠂ ᠭᠠᠵᠠᠷ ᠰᠢᠷᠤᠢ ᠳᠠᠳᠠᠪᠤᠷᠢᠯᠠᠬᠤ᠂ ᠱᠠᠩᠬᠠᠢ ᠶᠢᠨ ᠰᠦᠮ᠎ᠠ ᠪᠠᠯᠭᠠᠰᠤᠨ ᠤ ᠠᠵᠤ | ᠤᠶᠢᠯᠡᠤᠨᠪᠤᠷᠢ ᠪᠠᠷ ᠮᠠᠯ ᠳᠠᠷᠢᠶᠠᠯᠠᠩ ᠢ ᠳᠡᠤᠨᠬᠦᠬᠦ᠂ ᠰᠤᠶᠤᠯ ᠰᠤᠷᠭᠠᠨ ᠬᠦᠮᠤᠵᠢᠯ ᠡᠷᠡᠬᠦᠯ ᠬᠠᠮᠠᠭᠠᠯᠠᠯ ᠵᠢᠴᠢ ᠬᠤᠳᠠ | ᠪᠠᠯᠭᠠᠰᠤᠨ ᠤ ᠰᠠᠭᠤᠷᠢ ᠪᠠᠶᠢᠭᠤᠯᠤᠯᠳᠠ᠂ ᠪᠠᠷᠢᠯᠭ᠎ᠠ ᠶᠢᠨ ᠲᠦᠷᠤᠯ ᠤᠨ ᠦᠷᠢ ᠦᠭᠴᠡᠬᠡᠨ ᠤ ᠰᠢᠢᠤᠨᠪᠤᠷᠢᠯᠡᠯᠳᠠ | ᠵᠡᠷᠬᠡ ᠳᠤ ᠨᠠᠶᠢᠳᠠ 1.17 ᠳ᠋ᠦᠩᠰᠢᠭᠤᠷ ᠲᠦᠬᠦᠷᠢᠭ︔ ᠡᠯ᠎ᠡ ᠵᠢᠯ ᠤᠨ ᠳ᠋ᠦᠩᠨᠡᠨ ᠰᠢᠯᠵᠢᠬᠦᠯᠦᠭᠰᠡᠨ ᠳᠡᠬᠡᠳᠤ | ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ 0.85 ᠳ᠋ᠦᠩᠰᠢᠭᠤᠷ ᠲᠦᠬᠦᠷᠢᠭ᠃ | ︵ᠭᠤᠷᠪᠠ︶ ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ | ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ ᠬᠡᠳᠡᠭ ᠨᠢ ᠵᠠᠰᠠᠭ ᠤᠨ ᠤᠷᠳᠤᠨ | ᠦᠮᠴᠢᠯᠡᠭᠴᠢ ᠶᠢᠨ ᠬᠤᠪᠢ ᠪᠠᠷ ᠤᠯᠤᠰ ᠤᠨ ᠦᠮᠴᠢᠯᠠᠯᠳᠤ ᠬᠦᠷᠤᠩᠬᠡ ᠶᠢᠨ ᠠᠰᠢᠭ ᠤᠷᠤᠯᠭ᠎ᠠ ᠶᠢ ᠬᠠᠤᠯᠢ | ᠶᠤᠰᠤᠭᠠᠷ ᠤᠯᠬᠤ ᠮᠦᠷᠳᠡᠬᠡᠨ ᠤᠯᠤᠭᠰᠡᠨ ᠢᠶᠠᠨ ᠬᠤᠪᠢᠶᠠᠷᠢᠯᠠᠬᠤ ᠳᠤ ᠡᠬᠦᠰᠦᠭᠰᠡᠨ ᠡᠯ᠎ᠡ ᠵᠦᠢᠯ ᠤᠨ ᠤᠷᠤᠯᠭ᠎ᠠ | ᠵᠠᠷᠤᠯᠭ᠎ᠠ ᠶᠢᠨ ᠲᠦᠰᠤᠪ ᠢ ᠵᠢᠭᠠᠵᠤ ᠪᠤᠢ᠃ ᠲᠦᠰᠤᠪ ᠤᠨ ᠤᠷᠤᠯᠭ᠎ᠠ ᠳᠤ ᠤᠯᠤᠰ ᠤᠨ ᠪᠡᠯᠡ ᠤᠷᠤᠭᠤᠯᠤᠭᠰᠡᠨ | ᠠᠵᠤ ᠠᠬᠤᠶᠢᠯᠠᠯ ᠠᠴᠠ ᠬᠤᠪᠢᠳᠠᠵᠤ ᠤᠯᠤᠭᠰᠡᠨ ᠠᠰᠢᠭ ᠤᠷᠤᠯᠭ᠎ᠠ᠂ ᠤᠯᠤᠰ ᠤᠨ ᠦᠮᠴᠢᠯᠠᠯᠳᠤ ᠬᠦᠷᠤᠩᠬᠡ ᠶᠢ | ᠰᠢᠯᠵᠢᠬᠦᠯᠦᠭᠰᠡᠨ ᠤᠷᠤᠯᠭ᠎ᠠ᠂ ᠤᠯᠤᠰ ᠤᠨ ᠪᠡᠯᠡ ᠤᠷᠤᠭᠤᠯᠤᠭᠰᠡᠨ ᠠᠵᠤ ᠠᠬᠤᠶᠢᠯᠠᠯ ᠠᠴᠠ ᠢᠯᠭᠠᠷᠠᠭᠤᠯᠤᠨ | ᠪᠤᠳᠤᠭᠰᠡᠨ ᠤᠷᠤᠯᠭ᠎ᠠ ᠪᠠᠭᠳᠠᠨ᠎ᠠ᠃ ᠰᠢᠨ᠎ᠠ ︽ᠲᠦᠰᠣᠪ ᠤᠨ ᠬᠠᠤᠯᠢ︾ ᠶᠢᠨ ᠱᠠᠭᠠᠷᠳᠠᠯᠭ᠎ᠠ ᠶᠤᠰᠤᠭᠠᠷ | ᠬᠤᠶᠢᠰᠢᠳᠠ ᠮᠠᠨ ᠤ ᠬᠤᠰᠢᠭᠤ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠳᠤᠰᠢᠶᠠᠭᠰᠡᠨ ᠠᠰᠢᠭ | ᠬᠤᠨᠵᠢᠪᠤᠷᠢ᠂ ᠤᠯᠤᠰ ᠤᠨ ᠦᠮᠴᠢᠯᠠᠯᠳᠤ ᠬᠦᠷᠤᠩᠬᠡ ᠶᠢ ᠰᠢᠯᠵᠢᠬᠦᠯᠦᠭᠰᠡᠨ ᠤᠷᠤᠯᠭ᠎ᠠ᠂ ᠪᠡᠯᠡ ᠭᠠᠷᠭᠠᠭᠰᠡᠨ ᠠᠵᠤ | ᠠᠬᠤᠶᠢᠯᠠᠯ ᠠᠴᠠ ᠢᠯᠭᠠᠷᠠᠭᠤᠯᠤᠨ ᠪᠤᠳᠤᠭᠰᠡᠨ ᠤᠷᠤᠯᠭ᠎ᠠ ᠶᠢᠨ ᠪᠠᠶᠢᠳᠠᠯ ᠢ ᠦᠨᠳᠤᠰᠤᠯᠠᠨ ᠴᠠᠭ ᠳᠤᠬᠠᠢ ᠳᠤ ᠨᠢ | ᠳᠤᠭᠳᠠᠭᠠᠨ᠎ᠠ᠃ | ︵ᠲᠦᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠲᠦᠰᠤᠪ | 2015 ᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 1.91 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 2.55% | ᠪᠠᠭᠤᠷᠠᠭᠤᠯᠤᠨ᠎ᠠ᠃ ᠡᠬᠦᠨ ᠳᠤ᠂ ᠨᠠᠰᠤᠵᠢᠯ ᠤᠨ ᠳᠠᠭᠠᠤᠨᠬᠠᠯ 1.27 ᠳ᠋ᠦᠩᠰᠢᠭᠤᠷ ᠲᠦᠬᠦᠷᠢᠭ᠂ 2.11% | ᠪᠠᠭᠤᠷᠠᠭᠤᠯᠤᠨ᠎ᠠ︔ ᠠᠵᠢᠯ ᠠᠯᠳᠠᠭᠰᠠᠤᠨ ᠤᠨ ᠳᠠᠭᠠᠤᠨᠬᠠᠯ 0.09 ᠳ᠋ᠦᠩᠰᠢᠭᠤᠷ ᠲᠦᠬᠦᠷᠢᠭ᠂ 10% | ᠪᠠᠭᠤᠷᠠᠭᠤᠯᠤᠨ᠎ᠠ︔ ᠡᠮ ᠡᠮᠨᠡᠯᠬᠡ ᠶᠢᠨ ᠳᠠᠭᠠᠤᠨᠬᠠᠯ 0.46 ᠳ᠋ᠦᠩᠰᠢᠭᠤᠷ ᠲᠦᠬᠦᠷᠢᠭ᠂ 0.39% | ᠪᠠᠭᠤᠷᠠᠭᠤᠯᠤᠨ᠎ᠠ︔ ᠠᠵᠢᠯ ᠤᠨ ᠬᠡᠮᠳᠤᠯ ᠤᠨ ᠳᠠᠭᠠᠤᠨᠬᠠᠯ 0.06 ᠳ᠋ᠦᠩᠰᠢᠭᠤᠷ ᠲᠦᠬᠦᠷᠢᠭ᠂ 8.92% | ᠪᠠᠭᠤᠷᠠᠭᠤᠯᠤᠨ᠎ᠠ︔ ᠬᠦᠩᠬᠡᠵᠢᠯ ᠤᠨ ᠳᠠᠭᠠᠤᠨᠬᠠᠯ 0.03 ᠳ᠋ᠦᠩᠰᠢᠭᠤᠷ ᠲᠦᠬᠦᠷᠢᠭ᠂ 4.64% ᠪᠠᠭᠤᠷᠠᠭᠤᠯᠤᠨ᠎ᠠ | ᠃ | ᠭᠤᠷᠪᠠ᠂ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ ᠭᠠᠪᠰᠢᠭᠠᠶᠢᠯᠠᠨ ᠤᠷᠤᠭᠰᠢᠯᠠᠵᠥ᠂ 2015 ᠤᠨ ᠤ ᠡᠳ᠋ | ᠤᠨ ᠵᠠᠰᠠᠭ ᠤᠨ ᠠᠵᠢᠯ ᠤᠨ ᠬᠠᠷᠠᠯᠳᠠ ᠪᠠᠨ ᠪᠥᠭᠦ ᠲᠠᠯ᠎ᠠ ᠪᠠᠷ ᠪᠠᠶᠡᠯᠡᠭᠦᠯᠥᠨ᠎ᠡ | ︵ᠨᠢᠭᠡ︶ ᠲᠠᠳᠠᠪᠤᠷᠢᠯᠠᠯᠳᠠ ᠬᠠᠮᠢᠶᠠᠷᠤᠯᠳᠠ ᠶᠢ ᠴᠢᠩᠭᠠᠳᠬᠠᠬᠤ ᠠᠴᠠ ᠭᠠᠷᠳᠠᠨ ᠲᠠᠯᠳᠠ ᠤᠷᠤᠰᠢᠬᠤ ᠤᠷᠤᠯᠭ᠎ᠠ | ᠶᠢᠨ ᠨᠡᠮᠡᠭᠳᠡᠯ ᠢ ᠴᠢᠷᠮᠠᠶᠢᠨ ᠠᠭᠤᠳᠠᠯᠠᠵᠤ᠂ ᠪᠥᠭᠦ ᠵᠢᠯ ᠤᠨ ᠤᠷᠤᠯᠭ᠎ᠠ ᠶᠢᠨ ᠡᠭᠦᠷᠭᠡ ᠪᠠᠨ ᠪᠠᠳᠤᠯᠠᠨ᠎ᠠ᠃ ᠨᠢᠭᠡ ᠳᠤ᠂ | ᠭᠠᠶᠢᠯᠢ ᠶᠢᠨ ᠶᠠᠪᠤᠳᠠᠯ ᠢ ᠬᠠᠮᠵᠢᠨ ᠬᠠᠮᠠᠭᠠᠯᠠᠬᠤ ᠠᠵᠢᠯ ᠢ ᠭᠥᠨᠵᠡᠭᠡᠶᠢᠷᠡᠭᠦᠯᠥᠨ ᠠᠬᠢᠭᠤᠯᠤᠨ᠎ᠠ᠃ ᠪᠥᠳᠥᠮᠵᠢᠳᠤ | ᠲᠠᠭᠠᠭᠠᠮᠠᠭᠠᠢ ᠬᠠᠮᠢᠶᠠᠷᠤᠯᠳᠠ ᠪᠠᠷ ᠶᠡᠷᠥᠩᠭᠡᠶᠢᠯᠡᠭᠰᠡᠨ ᠭᠠᠶᠢᠯᠢ ᠶᠢᠨ ᠬᠠᠮᠢᠶᠠᠷᠤᠯᠳᠠ ᠶᠢᠨ ᠠᠷᠭ᠎ᠠ ᠠᠪᠴᠠᠯ ᠢ | ᠨᠠᠶᠢᠳᠠᠪᠤᠷᠢᠵᠢᠭᠤᠯᠵᠤ᠂ ᠭᠠᠶᠢᠯᠢ ᠶᠢᠨ ᠬᠠᠮᠢᠶ᠎ᠠ ᠲᠠᠢ ᠰᠤᠷᠠᠭ ᠵᠠᠩᠬᠢ ᠶᠢᠨ ᠰᠤᠯᠢᠯᠴᠠᠭ᠎ᠠ ᠶᠢ ᠴᠢᠩᠭᠠᠳᠬᠠᠨ᠂ | ᠲᠠᠳᠠᠪᠤᠷᠢᠯᠠᠯᠳᠠ ᠶᠢᠨ ᠠᠵᠢᠯ ᠳᠤ ᠭᠥᠴᠥᠯᠡᠵᠥ ᠥᠷ᠎ᠡ ᠪᠥᠳᠥᠮᠵᠢ ᠶᠢ ᠲᠡᠭᠡᠭᠰᠢᠯᠡᠭᠦᠯᠥᠨ᠎ᠡ᠃ ᠳᠤᠮᠳᠠᠳᠤ ᠤᠯᠤᠰ ᠤᠨ | ᠴᠢᠯᠠᠭᠤᠨ ᠳᠤᠰᠤ ᠵᠡᠷᠬᠡ ᠲᠦᠪ ᠤᠨ ᠠᠵᠤ ᠠᠬᠤᠶᠢᠯᠠᠯ ᠲᠠᠢ ᠬᠠᠷᠢᠯᠴᠠᠬᠤ ᠡᠷᠴᠢᠮ ᠢᠶᠠᠨ ᠴᠢᠩᠭᠠᠤᠨᠬᠠᠵᠤ᠂ ᠲᠦᠪ | ᠤᠨ ᠠᠵᠤ ᠠᠬᠤᠶᠢᠯᠠᠯ ᠤᠨ ᠬᠤᠪᠢᠶᠠᠷᠢ ᠪᠠᠶᠢᠭᠤᠯᠤᠮᠵᠢ ᠶᠢ ᠬᠠᠷᠢᠶ᠎ᠠ ᠤᠷᠤᠨ ᠳᠤ ᠳᠠᠩᠰᠠᠯᠠᠭᠤᠯᠤᠨ ᠭᠠᠶᠢᠯᠢ | ᠳᠤᠰᠢᠶᠠᠯᠭᠠᠨᠠ᠃ ᠬᠤᠶᠠᠷ ᠲᠤ᠂ ᠭᠥᠳᠡᠯᠥᠩᠭᠦᠢ ᠡᠵᠡᠮᠰᠢᠯ ᠰᠡᠷᠭᠡᠶᠢᠯᠡᠯᠳᠡ ᠶᠢ ᠬᠡᠷᠡᠭᠵᠢᠬᠦᠯᠤᠨ᠎ᠠ᠃ ᠤᠯᠤᠰ ᠤᠨ | ᠬᠤᠷᠸ᠎ᠠ ᠡᠵᠡᠮᠰᠢᠯ ᠤᠨ ᠲᠥᠷᠥ ᠶᠢᠨ ᠪᠤᠳᠤᠯᠭ᠎ᠠ ᠪᠤᠯᠤᠨ ᠭᠠᠶᠢᠯᠢ ᠶᠢᠨ ᠪᠤᠳᠤᠯᠭ᠎ᠠ ᠶᠢᠨ ᠲᠤᠬᠢᠷᠠᠭᠤᠯᠤᠯ ᠤᠨ ᠮᠠᠨ ᠤ | ᠬᠤᠰᠢᠭᠤᠨ ᠤ ᠡᠳ᠋ ᠤᠨ ᠵᠠᠰᠠᠭ ᠤᠷᠤᠯᠭ᠎ᠠ ᠶᠢᠨ ᠨᠡᠮᠡᠭᠳᠡᠯ ᠲᠤ ᠥᠵᠡᠭᠦᠯᠭᠦ ᠨᠥᠯᠥᠭᠡ ᠶᠢ ᠴᠢᠬᠤᠯᠠᠴᠢᠯᠠᠨ᠎ᠠ᠃ | ᠠᠵᠢᠯ ᠲᠥᠷᠥᠯ᠂ ᠭᠠᠶᠢᠯᠢ ᠶᠢᠨ ᠲᠥᠷᠥᠯ ᠪᠤᠯᠤᠨ ᠭᠤᠤᠯᠳᠠᠯᠭᠠᠳᠤ ᠭᠠᠶᠢᠯᠢ ᠶᠢᠨ ᠠᠵᠤ ᠠᠬᠤᠶᠢᠯᠠᠯ ᠤᠳ ᠤᠨ | ᠭᠠᠶᠢᠯᠢ ᠶᠢᠨ ᠤᠷᠤᠯᠭ᠎ᠠ ᠶᠢᠨ ᠬᠠᠨᠳᠤᠰᠢ ᠶᠢ ᠨᠢᠭᠳᠠ ᠠᠩᠬᠠᠷᠴᠤ᠂ ᠡᠳ᠋ ᠤᠨ ᠵᠠᠰᠠᠭ ᠤᠨ ᠤᠷᠤᠯᠭ᠎ᠠ ᠶᠢᠨ | ᠵᠤᠬᠢᠴᠠᠭᠤᠯᠤᠯ ᠤᠨ ᠰᠠᠨᠠᠭᠠᠴᠢᠯᠠᠭᠠᠳᠤ ᠴᠢᠨᠠᠷ ᠪᠠ ᠤᠷᠢᠳᠴᠢᠯᠠᠯ ᠵᠢᠱᠢᠯᠳᠠ ᠶᠢ ᠲᠡᠭᠡᠭᠰᠢᠯᠡᠭᠦᠯᠥᠨ᠎ᠡ᠃ ᠭᠠᠶᠢᠯᠢ ᠶᠢᠨ | ᠤᠷᠤᠯᠭ᠎ᠠ ᠶᠢᠨ ᠪᠠᠶᠢᠴᠠᠭᠠᠯᠳᠠ ᠶᠢᠨ ᠭᠥᠴᠥᠯᠡᠴᠡ ᠪᠠᠨ ᠨᠡᠮᠡᠭᠳᠡᠭᠦᠯᠵᠥ᠂ ᠭᠠᠶᠢᠯᠢ ᠶᠢᠨ ᠤᠷᠤᠯᠭ᠎ᠠ ᠶᠢᠨ ᠵᠠᠳᠠᠯᠤᠯᠳᠠ᠂ | ᠭᠠᠶᠢᠯᠢ ᠲᠤᠰᠢᠶᠠᠬᠤ ᠥᠨᠡᠯᠡᠨ ᠵᠢᠱᠢᠯᠳᠡ᠂ ᠭᠠᠶᠢᠯᠢ ᠶᠢᠨ ᠢᠷᠡᠯᠳᠡ ᠶᠢᠨ ᠡᠵᠡᠮᠰᠢᠯ ᠪᠤᠯᠤᠨ ᠭᠠᠶᠢᠯᠢ ᠶᠢᠨ ᠶᠠᠪᠤᠳᠠᠯ | ᠤᠨ ᠪᠠᠶᠢᠴᠠᠭᠠᠯᠳᠠ ᠶᠢᠨ ᠬᠤᠯᠪᠤᠭᠠᠯᠠᠨ ᠠᠵᠢᠯᠯᠠᠬᠤ ᠲᠤᠭᠳᠠᠴᠠ ᠶᠢ ᠲᠡᠭᠦᠯᠳᠡᠷᠵᠢᠭᠦᠯᠵᠥ᠂ ᠰᠤᠷᠠᠭ ᠵᠠᠩᠬᠢ ᠵᠠᠳᠠᠯᠤᠨ | ᠬᠠᠷᠢᠴᠠᠭᠤᠯᠬᠤ ᠲᠥᠪᠰᠢᠨ ᠢᠶᠠᠨ ᠳᠡᠬᠡᠭᠰᠢᠯᠡᠬᠦᠯᠤᠨ᠂ ᠭᠠᠶᠢᠯᠢ ᠭᠥᠮᠥᠷᠭᠡᠯᠡᠭᠦ ᠨᠤᠷᠮ᠎ᠠ ᠶᠢ ᠨᠡᠮᠡᠭᠳᠡᠭᠦᠯᠥᠨ᠎ᠡ᠃ ᠭᠤᠷᠪᠠ | ᠳᠤ᠂ ᠭᠠᠶᠢᠯᠢ ᠶᠢᠨ ᠪᠤᠰᠤ ᠤᠷᠤᠯᠭ᠎ᠠ ᠲᠠᠳᠠᠪᠤᠷᠢᠯᠠᠯ ᠬᠢᠭᠡᠳ ᠬᠠᠮᠢᠶᠠᠷᠤᠯᠳᠠ ᠶᠢ ᠴᠢᠩᠭᠠᠳᠬᠠᠨ᠎ᠠ᠃ ᠭᠠᠶᠢᠯᠢ ᠶᠢᠨ | ᠪᠤᠰᠤ ᠤᠷᠤᠯᠭ᠎ᠠ ᠶᠢᠨ ᠵᠤᠷᠢᠭᠵᠢᠭᠤᠯᠤᠯ ᠭᠥᠯᠢᠶᠡᠰᠥᠯᠡᠯ ᠤᠨ ᠲᠥᠷᠢᠮ ᠢ ᠢᠳᠡᠪᠬᠢᠳᠡᠢ ᠰᠥᠪᠡᠭᠴᠢᠯᠡᠵᠥ᠂ ᠵᠠᠷᠤᠳᠠᠯ | ᠬᠤᠷᠢᠶᠠᠬᠤ ᠲᠥᠷᠥᠯ ᠵᠥᠢᠯ᠂ ᠡᠰᠢ ᠪᠠᠷᠢᠮᠳᠠ᠂ ᠪᠠᠷᠢᠮᠵᠢᠶ᠎ᠠ ᠲᠤᠭᠳᠠᠭᠠᠯ ᠤᠨ ᠬᠠᠮᠢᠶᠠᠷᠤᠯᠳᠠ ᠶᠢ ᠴᠢᠩᠭᠠᠳᠬᠠᠵᠤ᠂ | ᠤᠷᠤᠯᠭ᠎ᠠ ᠶᠢᠨ ᠠᠬᠢᠴᠠ ᠶᠢ ᠴᠠᠭ ᠲᠠᠷᠤᠢ ᠳᠤ ᠨᠢ ᠡᠵᠡᠮᠰᠢᠨ᠂ ᠤᠷᠤᠯᠭ᠎ᠠ ᠶᠢᠨ ᠪᠠᠶᠢᠳᠠᠯ ᠢ ᠨᠢ ᠵᠠᠳᠠᠯᠵᠤ᠂ ᠡᠳ᠋ ᠤᠨ | ᠵᠠᠰᠠᠭ ᠤᠨ ᠪᠡᠯᠡ ᠮᠥᠩᠭᠦᠨ ᠤ ᠪᠥᠭᠦ ᠲᠤᠭ᠎ᠠ ᠪᠠᠷ ᠭᠥᠮᠥᠷᠭᠡ ᠳᠤ ᠤᠷᠤᠬᠤ ᠶᠢ ᠪᠠᠳᠤᠯᠠᠨ᠎ᠠ᠃ ᠤᠯᠤᠰ ᠤᠨ | ᠥᠮᠴᠢᠯᠡᠯᠳᠤ ᠭᠥᠷᠥᠩᠭᠡ᠂ ᠤᠨᠴᠠᠭᠠᠶᠢᠯᠠᠨ ᠡᠵᠡᠩᠨᠡᠯᠳᠡ ᠶᠢᠨ ᠴᠢᠨᠠᠷᠳᠠᠢ ᠭᠥᠷᠥᠩᠭᠡ ᠶᠢᠨ ᠬᠠᠮᠢᠶᠠᠷᠤᠯᠳᠠ ᠶᠢᠨ | ᠭᠥᠴᠥᠯᠡᠴᠡ ᠪᠠᠨ ᠴᠢᠩᠭᠠᠳᠬᠠᠵᠤ᠂ ᠭᠥᠷᠥᠩᠭᠡ ᠬᠤᠭᠰᠢᠯ ᠢ ᠠᠮᠢᠳᠤᠯᠢᠭᠵᠢᠭᠤᠯᠤᠨ ᠭᠥᠷᠥᠩᠭᠡ ᠶᠢᠨ ᠥᠷᠳᠡᠭ ᠢ | ᠪᠠᠳᠤᠯᠠᠨ ᠲᠡᠭᠡᠭᠰᠢᠯᠡᠭᠦᠯᠥᠨ᠎ᠡ᠃ | ︵ᠬᠤᠶᠠᠷ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠰᠠᠭᠤᠷᠢᠯᠠᠭᠤᠯᠵᠥ᠂ ᠪᠠᠳᠤᠯᠠᠭ᠎ᠠ ᠶᠢᠨ | ᠭᠥᠴᠥᠯᠡᠴᠡ ᠪᠠᠨ ᠶᠡᠭᠡᠳᠭᠡᠨ᠂ ᠨᠡᠶᠢᠭᠡᠮ ᠤᠨ ᠡᠶ᠎ᠡ ᠵᠤᠬᠢᠴᠠᠩᠭᠤᠢ ᠭᠥᠭᠵᠢᠯᠳᠡ ᠶᠢ ᠠᠬᠢᠭᠤᠯᠤᠨ᠎ᠠ᠃ ᠨᠢᠬᠡ ᠳᠤ | ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠤᠷᠤᠭᠰᠢᠳᠠᠢ ᠠᠬᠢᠭᠤᠯᠬᠤ ᠶᠢ ᠪᠠᠳᠤᠯᠠᠨ᠎ᠠ᠃ ᠰᠢᠨᠵᠢᠯᠡᠬᠦ | ᠤᠬᠠᠭᠠᠨᠴᠢ ᠪᠠᠷ ᠡᠳ᠋ ᠤᠨ ᠬᠦᠴᠤᠨ ᠢᠶᠠᠨ ᠲᠦᠯᠤᠪᠵᠢᠬᠦᠯᠵᠤ᠂ ᠪᠦᠬᠦ ᠬᠤᠰᠢᠭᠤᠨ ᠤ ᠠᠷᠠᠤᠨ ᠤᠨ ᠠᠮᠢᠳᠤᠷᠠᠯ ᠤᠨ | 6 ᠪᠤᠳᠠᠳᠤ ᠶᠠᠪᠤᠳᠠᠯ ᠳᠤ ᠬᠡᠷᠡᠭᠰᠡᠬᠦ ᠪᠡᠯᠡ ᠮᠦᠩᠬᠦ ᠶᠢ ᠪᠠᠳᠤᠯᠠᠨ᠂ ᠮᠠᠯᠴᠢᠨ ᠳᠠᠷᠢᠶᠠᠴᠢᠤᠨ ᠤᠨ ᠠᠮᠢᠳᠤᠷᠠᠯ ᠤᠨ | ᠲᠦᠪᠰᠢᠨ ᠪᠠ ᠠᠰᠢᠭ ᠵᠢᠷᠭᠠᠯ ᠢ ᠨᠡᠮᠡᠭᠳᠡᠬᠦᠯᠤᠨ᠎ᠠ᠃ ᠬᠤᠶᠠᠷ ᠲᠤ᠂ ︽ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ | ᠮᠠᠯᠵᠢᠬᠤ ᠲᠠᠷᠢᠶᠠᠯᠠᠬᠤ ᠤᠷᠤᠨ︾ ᠳᠤ ᠬᠢ ᠤᠷᠤᠭᠤᠯᠤᠯᠳᠠ ᠪᠠᠨ ᠥᠷᠭᠦᠯᠵᠢᠯᠡᠨ ᠨᠡᠮᠡᠭᠳᠡᠭᠦᠯᠥᠨ᠎ᠡ᠃ ᠨᠠᠷᠢᠯᠢᠭ | ᠤᠨᠤᠪᠴᠢᠳᠠᠢ ᠪᠠᠷ ᠶᠠᠳᠠᠭᠤ ᠶᠢ ᠲᠡᠳᠭᠦᠭᠦ ᠢᠨᠵᠧᠨᠧᠷᠢᠩ ᠪᠤᠯᠤᠨ ︽ᠠᠷᠪᠠᠨ ᠪᠦᠬᠦ ᠪᠦᠷᠬᠦᠴᠠ ᠢᠨᠵᠧᠨᠧᠷᠢᠩ︾ ᠢ | ᠲᠡᠮᠵᠢᠨ᠂ ᠲᠥᠷᠥᠯ ᠵᠥᠢᠯ ᠤᠨ ᠪᠡᠯᠡ ᠮᠥᠩᠭᠦ ᠶᠢ ᠴᠡᠭᠴᠡᠵᠢᠭᠦᠯᠵᠥ᠂ ᠪᠦᠬᠦ ᠬᠤᠰᠢᠭᠤᠨ ᠤ ᠮᠠᠯᠵᠢᠬᠤ ᠳᠠᠷᠢᠶᠠᠯᠠᠬᠤ | ᠤᠷᠤᠨ ᠤ ᠨᠤᠷᠠᠬᠤ ᠠᠶᠤᠯᠳᠠᠢ ᠤᠷᠤᠨ ᠰᠠᠭᠤᠴᠠ ᠶᠢ ᠰᠢᠨᠡᠤᠨᠬᠡᠬᠦ᠂ ᠴᠠᠬᠢᠯᠭᠠᠨ ᠱᠤᠭᠤᠮ ᠨᠡᠮᠡᠬᠦ᠂ ᠤᠰᠤ ᠤᠮᠳᠠ | ᠶᠢᠨ ᠬᠦᠴᠢᠷᠳᠡᠯ ᠢ ᠰᠢᠢᠤᠨᠪᠤᠷᠢᠯᠡᠬᠦ ᠵᠡᠷᠬᠡ ᠭᠤᠤᠯᠳᠠᠯᠭᠠᠳᠤ ᠢᠨᠵᠧᠨᠧᠷᠢᠩ ᠤᠨ ᠪᠡᠯᠡ ᠮᠦᠩᠬᠦ ᠶᠢ ᠪᠠᠳᠤᠯᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠥᠭᠦᠭᠡᠷᠤᠮᠵᠢ ᠶᠢᠨ ᠴᠤᠭᠴᠠᠯᠠᠯᠳᠠ ᠶᠢ ᠴᠢᠩᠭᠠᠳᠬᠠᠵᠤ᠂ ᠤᠷᠴᠢᠨ | ᠲᠤᠭᠤᠷᠢᠨ ᠤ ᠵᠠᠰᠠᠯᠳᠠ ᠶᠢ ᠥᠷᠨᠢᠭᠦᠯᠥᠨ᠂ ᠭᠥᠳᠡᠭᠡ ᠳᠤ ᠬᠢ ᠨᠡᠶᠢᠳᠡ ᠶᠢᠨ ᠥᠢᠯᠡᠴᠢᠯᠡᠭᠡᠨ ᠤ ᠲᠥᠪᠰᠢᠨ ᠢ | ᠱᠠᠯᠠᠪᠳᠠᠭᠤᠯᠤᠨ ᠲᠡᠭᠡᠭᠰᠢᠯᠡᠭᠦᠯᠥᠨ᠎ᠡ᠃ᠭᠤᠷᠪᠠ ᠳᠤ᠂ ᠰᠤᠷᠭᠠᠨ ᠭᠥᠮᠥᠵᠢᠯ ᠢ ᠤᠷᠢᠳ ᠢᠶᠠᠷ ᠭᠥᠭᠵᠢᠭᠦᠯᠭᠦ ᠶᠢ | ᠪᠠᠷᠢᠮᠳᠠᠯᠠᠨ᠎ᠠ᠃ ᠰᠤᠷᠭᠠᠨ ᠭᠥᠮᠥᠵᠢᠯ ᠤᠨ ᠤᠷᠤᠭᠤᠯᠤᠯᠳᠠ ᠶᠢ ᠲᠤᠭᠳᠠᠭᠤᠨ ᠨᠡᠮᠡᠭᠳᠡᠭᠦᠯᠭᠦ ᠲᠤᠭᠳᠠᠴᠠ ᠶᠢ | ᠪᠥᠷᠢᠳᠥᠭᠦᠯᠵᠥ᠂ ᠰᠤᠷᠭᠠᠨ ᠭᠥᠮᠥᠵᠢᠯ ᠤᠨ ᠵᠠᠷᠤᠳᠠᠯ ᠢ ᠰᠢᠨᠵᠢᠯᠡᠭᠦ ᠤᠬᠠᠭᠠᠨᠴᠢ ᠲᠤᠬᠢᠷᠠᠮᠵᠢᠳᠠᠢ ᠪᠠᠳᠤᠯᠠᠨ᠎ᠠ᠃ | ᠮᠥᠩᠭᠦ ᠶᠢ ᠤᠷᠢᠳ ᠢᠶᠠᠷ ᠰᠤᠷᠭᠠᠨ ᠭᠥᠮᠥᠵᠢᠯ ᠳᠤ ᠭᠡᠷᠡᠭᠯᠡᠭᠦ ᠶᠢ ᠪᠠᠷᠢᠮᠳᠠᠯᠠᠵᠤ᠂ ᠰᠤᠷᠭᠠᠨ ᠭᠥᠮᠥᠵᠢᠯ ᠤᠨ ᠨᠡᠶᠢᠳᠡ | ᠶᠢᠨ ᠥᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠨᠠᠰᠤᠨ ᠲᠤᠷᠰᠢᠳᠠ ᠶᠢᠨ ᠰᠤᠷᠭᠠᠨ ᠭᠥᠮᠥᠵᠢᠯ ᠤᠨ ᠰᠢᠰᠲ᠋ᠧᠮ ᠢ | ᠲᠡᠭᠦᠯᠳᠡᠷᠵᠢᠭᠦᠯᠥᠨ᠎ᠡ᠃ ᠰᠤᠷᠬᠤ ᠨᠠᠰᠤᠨ ᠠᠴᠠ ᠡᠮᠥᠨᠡᠭᠢ ᠭᠥᠮᠥᠵᠢᠯ ᠤᠨ ᠤᠷᠤᠭᠤᠯᠤᠯᠳᠠ ᠶᠢ ᠴᠢᠩᠭᠠᠳᠬᠠᠵᠤ᠂ | ᠰᠤᠷᠤᠭᠴᠢ ᠲᠤᠳᠤᠮ ᠤᠨ ᠴᠢᠭᠯᠡᠯ ᠲᠠᠢ ᠵᠠᠷᠤᠳᠠᠯ ᠤᠨ ᠲᠤᠭᠳᠠᠴᠠ ᠶᠢ ᠨᠠᠶᠢᠳᠠᠪᠤᠷᠢᠵᠢᠭᠤᠯᠤᠨ᠂ ᠳᠤᠰ ᠵᠢᠯ ᠳᠤ 3 | ᠰᠠᠭᠤᠷᠢ ᠬᠡᠤᠬᠡᠤᠨ ᠤᠨ ᠴᠡᠴᠡᠷᠯᠢᠭ ᠢ ᠳᠡᠮᠵᠢᠨ ᠴᠤᠭᠴᠠᠯᠠᠨ᠎ᠠ᠃ ᠲᠦᠷᠪᠠᠳᠥ᠂ ᠡᠮ ᠡᠮᠨᠡᠯᠭᠡ ᠡᠷᠡᠭᠦᠯ ᠬᠠᠮᠠᠭᠠᠯᠠᠯ | ᠤᠨ ᠪᠠᠶᠢᠭᠤᠯᠤᠮᠵᠢ ᠶᠢᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠎ᠡ᠃ ᠨᠡᠶᠢᠳᠡ ᠶᠢᠨ ᠡᠷᠡᠭᠦᠯ ᠬᠠᠮᠠᠭᠠᠯᠠᠯ ᠤᠨ | ᠤᠷᠤᠭᠤᠯᠤᠯᠳᠠ ᠶᠢ ᠨᠡᠮᠡᠭᠳᠡᠭᠦᠯᠵᠥ᠂ ᠥᠨᠳᠥᠰᠥᠨ ᠱᠠᠳᠤᠨ ᠤ ᠡᠮ ᠡᠮᠴᠢᠯᠡᠭᠡᠨ ᠤ ᠰᠠᠯᠠᠭ᠎ᠠ ᠮᠥᠴᠢᠷ ᠤᠨ | ᠶᠡᠷᠥᠩᠭᠡᠶᠢᠯᠡᠭᠰᠡᠨ ᠥᠭᠡᠷᠡᠴᠢᠯᠡᠯᠳᠡ ᠶᠢ ᠥᠷᠭᠦᠯᠵᠢᠯᠡᠭᠦᠯᠥᠨ᠂ ᠪᠥᠳᠥᠮᠵᠢᠳᠤ ᠲᠠᠭᠠᠭᠠᠮᠠᠭᠠᠢ ᠤᠯᠠᠨ ᠠᠪᠴᠠᠯᠳᠤ | ᠨᠥᠭᠦᠪᠥᠷᠢ ᠶᠢᠨ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠥ᠂ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ | ᠥᠢᠯᠡᠴᠢᠯᠡᠭᠡᠨ ᠤ ᠰᠠᠯᠠᠭ᠎ᠠ ᠮᠥᠴᠢᠷ ᠤᠨ ᠪᠥᠳᠥᠮᠵᠢᠳᠤ ᠠᠵᠢᠯᠯᠠᠯᠳᠠ ᠪᠤᠯᠤᠨ ᠡᠷᠡᠭᠦᠯ ᠭᠥᠭᠵᠢᠯᠳᠡ ᠶᠢ ᠪᠠᠳᠤᠯᠠᠨ᠂ | ᠡᠮᠴᠢ ᠨᠠᠷ ᠤᠨ ᠵᠤᠬᠢᠰᠳᠤ ᠬᠠᠷᠠᠭᠠᠯᠵᠠᠯ ᠢ ᠪᠠᠳᠤᠯᠠᠨ᠎ᠠ᠃ ᠬᠤᠳᠠ ᠶᠢᠨ ᠠᠷᠠᠳ ᠤᠨ ᠡᠮᠴᠢᠯᠡᠭᠡᠨ ᠤ ᠲᠠᠭᠠᠳᠬᠠᠯ ᠤᠨ | ᠲᠥᠷᠢᠮ ᠢ ᠤᠯᠠᠮ ᠲᠡᠭᠦᠯᠳᠡᠷᠵᠢᠭᠦᠯᠵᠥ᠂ ᠡᠳ᠋ ᠤᠨ ᠵᠠᠰᠠᠭ ᠤᠨ ᠨᠥᠭᠦᠪᠥᠷᠢ ᠶᠢ ᠥᠷᠭᠡᠳᠭᠡᠨ᠂ ᠭᠥᠳᠡᠭᠡ ᠶᠢᠨ ᠰᠢᠨ᠎ᠡ | ᠮᠠᠶ᠋ᠢᠭ ᠤᠨ ᠬᠤᠷᠰᠢᠭᠰᠠᠨ ᠡᠮᠴᠢᠯᠡᠭᠡᠨ ᠤ ᠪᠡᠯᠡ ᠴᠤᠭᠯᠠᠭᠤᠯᠬᠤ ᠪᠠᠷᠢᠮᠵᠢᠶ᠎ᠠ ᠶᠢ ᠲᠡᠭᠡᠭᠰᠢᠯᠡᠭᠦᠯᠵᠥ᠂ ᠡᠪᠡᠳᠴᠢᠨ | ᠥᠵᠡᠭᠦᠯᠥᠭᠰᠡᠳ ᠤᠨ ᠥᠪᠡᠷᠰᠡᠳ ᠤᠨ ᠲᠤᠰᠢᠶᠠᠬᠤ ᠬᠠᠷᠢᠴᠡᠯ ᠢ ᠪᠠᠭᠠᠰᠬᠠᠨ᠎ᠠ᠃ ᠨᠡᠶᠢᠳᠡ ᠶᠢᠨ ᠡᠷᠡᠭᠦᠯ ᠬᠠᠮᠠᠭᠠᠯᠠᠯ | ᠤᠨ ᠵᠠᠷᠤᠳᠠᠯ ᠢ ᠪᠠᠳᠤᠯᠠᠬᠤ ᠲᠤᠭᠳᠠᠴᠠ ᠶᠢ ᠴᠢᠩᠭᠠᠳᠬᠠᠨ᠂ ᠬᠢᠵᠢᠭ ᠰᠡᠷᠭᠡᠶᠢᠯᠡᠯ ᠪᠤᠯᠤᠨ ᠢᠳᠡᠭᠡᠨ ᠡᠮ ᠤᠨ | ᠵᠥᠢᠯᠡᠰ ᠤᠨ ᠠᠮᠤᠷ ᠲᠥᠪᠰᠢᠨ ᠤ ᠠᠵᠢᠯ ᠢ ᠳᠡᠮᠵᠢᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠪᠠ | ᠡᠷᠡᠬᠦᠯ ᠮᠠᠨᠳᠤ ᠶᠢᠨ ᠬᠠᠮᠢᠶᠠᠷᠤᠯᠳᠠ ᠶᠢ ᠴᠢᠩᠭᠠᠤᠨᠬᠠᠨ᠎ᠠ᠃ ᠳᠠᠪᠤ ᠳᠤ᠂ ᠨᠡᠶᠢᠭᠡᠮ ᠤᠨ ᠪᠠᠳᠤᠯᠠᠭ᠎ᠠ ᠶᠢᠨ ᠠᠵᠢᠯ ᠢ | ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ᠂ ᠬᠤᠳᠠ | ᠭᠥᠳᠡᠭᠡ ᠶᠢᠨ ᠲᠤᠤᠷ᠎ᠠ ᠪᠠᠳᠤᠯᠠᠭ᠎ᠠ᠂ ᠲᠠᠳᠠᠪᠤᠷᠢᠠᠯᠭᠰᠠᠨ ᠭᠠᠵᠠᠷ ᠤᠨ ᠮᠠᠯᠴᠢᠨ ᠲᠠᠷᠢᠶᠠᠴᠢᠳ ᠤᠨ ᠨᠠᠰᠤᠵᠢᠯ ᠤᠨ | ᠨᠥᠭᠦᠪᠥᠷᠢ ᠬᠢᠭᠡᠳ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠨᠠᠰᠤᠵᠢᠯ ᠤᠨ ᠲᠠᠭᠠᠳᠬᠠᠯ ᠤᠨ | ᠬᠡᠷᠡᠭᠵᠢᠬᠦᠯᠤᠯᠳᠠ ᠶᠢ ᠥᠷᠭᠦᠯᠵᠢᠯᠡᠨ ᠠᠬᠢᠭᠤᠯᠵᠤ᠂ ᠪᠥᠭᠦ ᠬᠤᠰᠢᠭᠤᠨ ᠤ ᠨᠠᠰᠤᠵᠢᠯ ᠤᠨ ᠲᠠᠭᠠᠳᠬᠠᠯ ᠤᠨ | ᠪᠥᠷᠭᠦᠴᠡ ᠶᠢ ᠥᠷᠭᠡᠳᠭᠡᠨ᠂ ᠪᠠᠳᠤᠯᠠᠭ᠎ᠠ ᠶᠢᠨ ᠲᠥᠪᠰᠢᠨ ᠢ ᠲᠡᠭᠡᠭᠰᠢᠯᠡᠭᠦᠯᠥᠨ᠎ᠡ᠃ ᠠᠵᠤ ᠠᠬᠤᠶᠢᠯᠠᠯ ᠤᠨ ᠠᠵᠢᠯ | ᠠᠴᠠ ᠠᠮᠠᠷᠠᠭᠰᠡᠤᠨ ᠤᠨ ᠦᠨᠳᠤᠰᠤᠨ ᠨᠠᠰᠤᠵᠢᠯ ᠤᠨ ᠮᠦᠩᠬᠦ ᠶᠢ 10% ᠨᠡᠮᠡᠭᠳᠡᠬᠦᠯᠵᠤ᠂ ᠬᠤᠳᠠ ᠬᠦᠳᠡᠭᠡ ᠶᠢᠨ | ᠰᠠᠭᠤᠭᠠᠯᠢ ᠠᠷᠠᠤᠨ ᠤᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠤᠨ ᠳᠤᠳᠤᠮ ᠰᠠᠷ᠎ᠠ ᠳᠤ 15 ᠲᠦᠬᠦᠷᠢᠭ | ᠪᠠ 12 ᠲᠦᠬᠦᠷᠢᠭ ᠨᠡᠮᠡᠭᠳᠡᠬᠦᠯᠤᠨ᠂ ᠡᠮ ᠡᠮᠨᠡᠯᠬᠡ ᠶᠢᠨ ᠳᠠᠭᠠᠤᠨᠬᠠᠯ ᠶᠢᠨ ᠪᠡᠯᠡ ᠬᠤᠷᠠᠮᠳᠤᠭᠤᠯᠬᠤ ᠪᠠᠷᠢᠮᠵᠢᠶ᠎ᠠ ᠶᠢ | 60 ᠲᠦᠬᠦᠷᠢᠭ ᠪᠠ 46 ᠲᠦᠬᠦᠷᠢᠭ ᠨᠡᠮᠡᠭᠳᠡᠬᠦᠯᠵᠤ᠂ ᠨᠠᠰᠤᠵᠢᠯ ᠤᠨ ᠮᠦᠩᠬᠦ ᠶᠢᠨ ᠪᠠᠷᠢᠮᠵᠢᠶ᠎ᠠ ᠶᠢ 15 ᠲᠦᠬᠦᠷᠢᠭ | ᠨᠡᠮᠡᠭᠳᠡᠬᠦᠯᠤᠨ᠎ᠠ᠃ ᠬᠤᠳᠠ ᠭᠥᠳᠡᠭᠡ ᠶᠢᠨ ᠲᠤᠤᠷ᠎ᠠ ᠪᠠᠳᠤᠯᠠᠭᠠᠳᠤ ᠡᠳᠡᠭᠡᠳ᠂ ᠭᠥᠳᠡᠭᠡ ᠶᠢᠨ ᠲᠠᠪᠤᠨ ᠪᠠᠳᠤᠯᠠᠭᠠᠳᠤ | ᠡᠷᠥᠭᠡ ᠪᠤᠯᠤᠨ ᠠᠮᠢᠳᠤᠷᠠᠯ ᠨᠢ ᠤᠨᠴᠠ ᠭᠥᠴᠢᠷᠳᠡᠯ ᠲᠠᠢ ᠭᠥᠮᠥᠰ ᠲᠤ ᠪᠠᠷᠠᠭᠠᠨ ᠤ ᠬᠠᠩᠰᠢ ᠶᠢᠨ ᠨᠥᠭᠦᠪᠥᠷᠢ | ᠤᠯᠭᠤᠵᠤ᠂ ᠪᠠᠷᠠᠭᠠᠨ ᠤ ᠥᠨ᠎ᠡ ᠥᠰᠥᠭᠰᠡᠨ ᠠᠴᠠ ᠪᠤᠯᠵᠤ ᠠᠮᠢᠳᠤᠷᠠᠯ ᠳᠤ ᠨᠢ ᠲᠤᠯᠭᠠᠷᠠᠭᠰᠠᠨ ᠭᠥᠴᠢᠷᠳᠡᠯ ᠢ | ᠪᠥᠳᠥᠮᠵᠢᠳᠠᠢ ᠨᠠᠮᠳᠠᠭᠠᠨ᠎ᠠ᠃ ᠵᠡᠮᠳᠡᠭᠴᠤᠳ ᠤᠨ ᠡᠯ᠎ᠡ ᠲᠥᠷᠥᠯ ᠤᠨ ᠠᠵᠢᠯ ᠥᠢᠯᠡᠰ ᠢ ᠭᠥᠭᠵᠢᠭᠦᠯᠥᠨ᠂ ᠲᠡᠳᠡᠠ ᠤ | ᠥᠨᠳᠥᠰᠥᠨ ᠬᠠᠷᠠᠭᠠᠯᠵᠠᠯ ᠢ ᠪᠠᠳᠤᠯᠠᠨ᠎ᠠ᠃ ᠠᠵᠢᠯ ᠤᠯᠤᠯᠳᠠ ᠪᠠ ᠲᠠᠬᠢᠨ ᠠᠵᠢᠯ ᠤᠯᠤᠯᠳᠠ ᠶᠢ ᠲᠡᠮᠵᠢᠭᠦ ᠲᠥᠷᠥ | ᠶᠢᠨ ᠪᠤᠳᠤᠯᠭ᠎ᠠ ᠶᠢ ᠥᠷᠭᠦᠵᠢᠯᠡᠨ ᠨᠠᠶᠢᠳᠠᠪᠤᠷᠢᠵᠢᠭᠤᠯᠵᠤ᠂ ᠭᠥᠴᠢᠷᠳᠡᠯᠳᠡᠢ ᠡᠳᠡᠭᠡᠳ ᠤᠨ ᠲᠠᠬᠢᠨ ᠠᠵᠢᠯ ᠤᠯᠤᠯᠳᠠ | ᠶᠢ ᠢᠳᠡᠪᠬᠢᠳᠡᠢ ᠲᠡᠮᠵᠢᠨ᠂ ᠠᠵᠢᠯ ᠤᠯᠤᠯᠳᠠ ᠶᠢᠨ ᠪᠥᠭᠦ ᠪᠠᠶᠢᠳᠠᠯ ᠢ ᠲᠤᠭᠳᠠᠪᠤᠷᠢᠵᠢᠭᠤᠯᠤᠨ᠎ᠠ᠃ ᠵᠢᠷᠭᠤᠭ᠎ᠠ ᠳᠤ᠂ | ᠨᠡᠶᠢᠭᠡᠮ ᠤᠨ ᠬᠠᠮᠢᠶᠠᠷᠤᠯᠳᠠ ᠶᠢᠨ ᠰᠢᠨᠡᠴᠢᠯᠡᠯᠳᠡ ᠶᠢ ᠲᠡᠮᠵᠢᠵᠤ ᠴᠢᠩᠭᠠᠳᠬᠠᠨ᠎ᠠ᠃ ᠡᠳ᠋ ᠤᠨ ᠵᠠᠰᠠᠭ ᠤᠨ | ᠤᠷᠤᠭᠤᠯᠤᠯᠳᠠ ᠶᠢ ᠴᠢᠩᠭᠠᠳᠬᠠᠨ᠂ ᠨᠡᠶᠢᠳᠡ ᠶᠢᠨ ᠡᠳ᠋ ᠤᠨ ᠵᠠᠰᠠᠭ ᠤᠨ ᠨᠡᠶᠢᠭᠡᠮ ᠤᠨ ᠬᠠᠮᠢᠶᠠᠷᠤᠯᠳᠠ ᠳᠤ ᠬᠢ | ᠤᠷᠤᠭᠤᠯᠤᠯᠳᠠ ᠶᠢ ᠵᠢᠯ ᠲᠤᠰᠤᠮ ᠨᠡᠮᠡᠭᠳᠡᠭᠦᠯᠥᠨ᠎ᠡ᠃ ᠤᠯᠠᠨ ᠨᠡᠶᠢᠳᠡ ᠶᠢᠨ ᠠᠮᠤᠷ ᠲᠥᠪᠰᠢᠨ ᠤ ᠲᠤᠭᠳᠠᠴᠠ ᠶᠢᠨ | ᠪᠠᠶᠢᠭᠤᠯᠤᠯᠳᠠ ᠶᠢ ᠲᠡᠮᠵᠢᠵᠤ᠂ ᠠᠮᠤᠷ ᠬᠠᠮᠠᠭᠠᠯᠠᠯᠳᠠ ᠰᠡᠷᠭᠡᠶᠢᠯᠡᠨ ᠡᠵᠡᠮᠰᠢᠯᠳᠡ᠂ ᠠᠶᠤᠯᠭᠦᠢ ᠥᠢᠯᠡᠳᠪᠥᠷᠢᠯᠡᠯ | ᠪᠤᠯᠤᠨ ᠪᠠᠴᠢᠮ ᠠᠷᠭᠠᠴᠠᠯᠳᠠ ᠶᠢᠨ ᠬᠠᠮᠢᠶᠠᠷᠤᠯᠳᠠ ᠶᠢ ᠴᠢᠩᠭᠠᠳᠬᠠᠨ᠂ ᠠᠷᠠᠳ ᠤᠯᠠᠨ ᠤ ᠠᠮᠤᠷ ᠲᠥᠪᠰᠢᠨ ᠢ | ᠤᠯᠠᠮ ᠪᠠᠳᠤᠯᠠᠨ᠎ᠠ᠃ | ︵ᠭᠤᠷᠪᠠ︶ ᠥᠭᠡᠷᠡᠴᠢᠯᠡᠯᠳᠡ ᠰᠢᠨᠡᠴᠢᠯᠠᠯᠳᠠ ᠪᠠᠷ ᠭᠥᠳᠡᠯᠭᠡᠭᠦ ᠭᠥᠴᠥᠨ ᠪᠤᠯᠭᠠᠵᠤ᠂ ᠡᠳ᠋ ᠤᠨ ᠵᠠᠰᠠᠭ ᠤᠨ | ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠬᠤ ᠲᠥᠪᠰᠢᠨ ᠢᠶᠠᠨ | ᠲᠡᠭᠡᠭᠰᠢᠯᠡᠭᠦᠯᠥᠨ᠎ᠡ᠃ ᠨᠢᠭᠡ ᠳᠤ᠂ ᠲᠥᠰᠥᠪ ᠤᠨ ᠬᠠᠮᠢᠶᠠᠷᠤᠯᠳᠠ ᠶᠢᠨ ᠥᠭᠡᠷᠡᠴᠢᠯᠡᠯᠳᠡ ᠶᠢ ᠯᠠᠪᠳᠠᠭᠤᠨ | ᠠᠬᠢᠭᠤᠯᠤᠨ᠎ᠠ᠃ ︽ᠳ᠋ᠥᠩᠨᠡᠵᠥ ᠲᠡᠭᠦᠯᠳᠡᠷᠵᠢᠭᠦᠯᠥᠨ ᠰᠠᠶᠢᠵᠢᠷᠠᠭᠤᠯᠵᠤ ᠨᠡᠮᠡᠭᠳᠡᠭᠦᠯᠭᠦ︾ ᠶᠡᠷᠥᠩᠭᠡᠢ ᠱᠠᠭᠠᠷᠳᠠᠯᠭ᠎ᠠ | ᠶᠤᠰᠤᠭᠠᠷ ᠰᠠᠯᠠᠭ᠎ᠠ ᠮᠥᠴᠢᠷ ᠤᠳ ᠤᠨ ᠲᠥᠰᠥᠪ ᠢ ᠨᠡᠩ ᠲᠡᠭᠦᠯᠳᠡᠷᠵᠢᠭᠦᠯᠵᠥ᠂ ᠲᠥᠰᠥᠪ ᠤᠨ ᠵᠠᠷᠤᠯᠭ᠎ᠠ ᠶᠢᠨ | ᠲᠥᠷᠥᠯ ᠵᠥᠢᠯ ᠢ ᠨᠠᠷᠢᠯᠢᠭᠵᠢᠭᠤᠯᠤᠨ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠪᠥᠳᠥᠴᠡ ᠶᠢ | ᠰᠢᠯᠢᠳᠡᠭᠵᠢᠭᠦᠯᠥᠨ᠎ᠡ᠃ ᠲᠥᠷᠥᠯ ᠵᠥᠢᠯ ᠤᠨ ᠵᠠᠷᠤᠯᠭ᠎ᠠ ᠲᠤᠭᠳᠠᠭᠠᠬᠤ ᠪᠠᠷᠢᠮᠵᠢᠶ᠎ᠠ ᠶᠢᠨ ᠰᠢᠰᠲ᠋ᠧᠮ ᠤᠨ | ᠪᠠᠶᠢᠭᠤᠯᠤᠯᠳᠠ ᠶᠢ ᠢᠳᠡᠪᠬᠢᠳᠡᠢ ᠰᠥᠪᠡᠭᠴᠢᠯᠡᠨ᠂ ᠲᠥᠰᠥᠪ ᠤᠨ ᠲᠤᠭᠳᠠᠭᠠᠯᠳᠠ ᠶᠢᠨ ᠰᠢᠨᠵᠢᠯᠡᠭᠦ ᠤᠬᠠᠭᠠᠨᠴᠢ ᠴᠢᠨᠠᠷ | ᠪᠤᠯᠤᠨ ᠲᠦᠪ ᠭᠤᠤᠯᠴᠢ ᠴᠢᠨᠠᠷ ᠢ ᠴᠢᠬᠤᠯᠠᠴᠢᠯᠠᠨ᠎ᠠ᠃ ᠲᠥᠰᠥᠪ ᠤᠨ ᠬᠠᠮᠢᠶᠠᠷᠤᠯᠳᠠ ᠪᠤᠯᠤᠨ ᠭᠥᠷᠥᠩᠭᠡ ᠶᠢᠨ | ᠬᠠᠮᠢᠶᠠᠷᠤᠯᠳᠠ᠂ ᠪᠥᠳᠥᠮᠵᠢ ᠶᠢᠨ ᠬᠠᠷᠠᠯᠳᠠᠳᠤ ᠬᠠᠮᠢᠶᠠᠷᠤᠯᠳᠠ ᠶᠢ ᠤᠷᠭᠠᠨᠢᠭ ᠨᠢᠭᠡᠳᠭᠡᠵᠤ᠂ ᠪᠥᠳᠥᠮᠵᠢ ᠶᠢᠨ | ᠥᠨᠡᠯᠡᠯᠳᠡ ᠶᠢᠨ ᠥᠷ᠎ᠡ ᠳ᠋ᠥᠩ ᠢ ᠭᠥᠨᠳᠥᠳᠭᠡᠵᠥ ᠭᠡᠷᠡᠭᠯᠡᠨ᠂ ᠡᠳ᠋ ᠤᠨ ᠵᠠᠰᠠᠭ ᠤᠨ ᠪᠡᠯᠡ ᠮᠥᠩᠭᠦ ᠭᠡᠷᠡᠭᠯᠡᠭᠦ ᠥᠷ᠎ᠡ | ᠠᠰᠢᠭ ᠪᠤᠯᠤᠨ ᠠᠰᠢᠭ ᠤᠨ ᠨᠤᠷᠮ᠎ᠠ ᠶᠢ ᠲᠡᠭᠡᠭᠰᠢᠯᠡᠭᠦᠯᠵᠥ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠤ ᠰᠢᠢᠳᠪᠥᠷᠢᠳᠤ ᠬᠠᠮᠢᠶᠠᠷᠤᠯᠳᠠ ᠳᠤ ᠪᠥᠳᠥᠮᠵᠢᠳᠠᠢ ᠲᠥᠷᠭᠡᠨ ᠥᠢᠯᠡᠴᠢᠯᠡᠭᠡ ᠬᠠᠩᠭᠠᠨ᠎ᠠ᠃ ᠬᠤᠶᠠᠷ ᠲᠤ᠂ ᠪᠡᠯᠡ | ᠮᠥᠩᠭᠦ ᠶᠢ ᠤᠯᠤᠰ ᠤᠨ ᠭᠥᠮᠥᠷᠭᠡ ᠠᠴᠠ ᠲᠥᠪᠯᠡᠷᠡᠩᠭᠦᠢ ᠭᠠᠷᠭᠠᠬᠤ ᠥᠭᠡᠷᠡᠴᠢᠯᠡᠯᠳᠡ ᠶᠢ ᠤᠯᠠᠮ ᠪᠠᠬᠢᠵᠢᠭᠦᠯᠥᠨ᠎ᠡ᠃ | ᠰᠠᠯᠠᠭ᠎ᠠ ᠮᠦᠴᠢᠷ ᠤᠨ ᠲᠥᠰᠥᠪ ᠲᠤ ᠰᠠᠭᠤᠷᠢᠯᠠᠨ ᠲᠥᠰᠥᠪ ᠢᠶᠠᠷ ᠬᠢᠵᠠᠭᠠᠷᠯᠠᠬᠤ ᠶᠢ ᠴᠢᠩᠭᠠᠳᠬᠠᠨ᠂ ᠲᠥᠰᠥᠪ ᠤᠨ | ᠭᠡᠷᠡᠭᠵᠢᠭᠦᠯᠥᠯᠳᠡ ᠲᠤᠮᠳᠠᠬᠢ ᠠᠰᠠᠭᠤᠳᠠᠯ ᠢ ᠴᠠᠭ ᠲᠠᠷᠤᠢ ᠳᠤ ᠨᠢ ᠤᠶᠢᠯᠠᠭᠠᠨ ᠡᠵᠡᠮᠳᠡᠵᠥ᠂ ᠴᠠᠭ ᠲᠠᠷᠠᠭᠠᠯᠠᠯ ᠪᠤᠯᠤᠨ | ᠲᠥᠷᠥᠯ ᠵᠥᠢᠯ ᠤᠨ ᠠᠬᠢᠴᠠ ᠶᠤᠰᠤᠭᠠᠷ ᠪᠡᠯᠡ ᠪᠠᠭᠤᠯᠭᠠᠨ᠂ ᠲᠥᠰᠥᠪ ᠤᠨ ᠭᠡᠷᠡᠭᠵᠢᠭᠦᠯᠥᠯᠳᠡ ᠶᠢᠨ ᠶᠢᠨ ᠴᠠᠭ | ᠬᠤᠭᠤᠴᠠᠭᠠᠳᠤ ᠴᠢᠨᠠᠷ ᠪᠠ ᠲᠡᠩᠴᠡᠭᠦᠷᠢᠳᠤ ᠴᠢᠨᠠᠷ ᠢ ᠴᠢᠩᠭᠠᠳᠬᠠᠨ᠎ᠠ᠃ ᠪᠡᠯᠡ ᠮᠥᠩᠭᠦ ᠶᠢ ᠤᠯᠤᠰ ᠤᠨ ᠭᠥᠮᠥᠷᠭᠡ | ᠠᠴᠠ ᠭᠠᠷᠭᠠᠬᠤ ᠭᠥᠳᠡᠯᠥᠩᠭᠦᠢ ᠬᠢᠨᠠᠯᠳᠠ ᠡᠵᠡᠮᠰᠢᠯ ᠢ ᠭᠡᠷᠡᠭᠵᠢᠭᠦᠯᠵᠥ᠂ ᠤᠯᠤᠰ ᠤᠨ ᠭᠥᠮᠥᠷᠭᠡ ᠠᠴᠠ | ᠲᠥᠪᠯᠡᠷᠡᠩᠭᠦᠢ ᠤᠯᠭᠤᠬᠤ ᠪᠡᠯᠡ ᠭᠡᠷᠡᠭᠯᠡᠯᠳᠡ ᠶᠢᠨ ᠶᠠᠪᠤᠴᠠ ᠪᠠ ᠡᠮᠥᠨ᠎ᠡ ᠬᠤᠶᠢᠨᠠᠬᠢ ᠶᠢᠨ ᠪᠥᠭᠦ ᠠᠵᠢᠯᠯᠠᠭ᠎ᠠ ᠶᠢ | ᠴᠠᠭ ᠲᠠᠷᠤᠢ ᠳᠤ ᠨᠢ ᠬᠢᠨᠠᠵᠤ ᠡᠵᠡᠮᠰᠢᠨ᠂ ᠪᠡᠯᠡ ᠮᠥᠩᠭᠦᠨ ᠤ ᠠᠮᠤᠷ ᠲᠥᠪᠰᠢᠨ ᠢ ᠪᠠᠳᠤᠯᠠᠨ᠎ᠠ᠃ ︽ᠠᠯᠪᠠᠨ ᠺᠠᠷᠲ | ︾ ᠤᠨ ᠬᠡᠷᠡᠭᠯᠡᠭᠡ ᠶᠢ ᠬᠦᠴᠤᠳᠠᠢ ᠠᠬᠢᠭᠤᠯᠵᠤ᠂ ᠲᠦᠷᠢᠮ ᠢ ᠵᠦᠷᠢᠴᠠᠨ ᠡᠳ᠋ ᠤᠨ ᠵᠠᠰᠠᠭ ᠤᠨ ᠪᠡᠯᠡ ᠮᠦᠩᠬᠦ ᠶᠢ | ᠬᠡᠷᠭᠯᠡᠬᠦ ᠦᠵᠡᠭᠳᠡᠯ ᠢ ᠲᠤᠶᠢᠯᠪᠤᠷᠢᠳᠠᠢ ᠦᠬᠡᠶᠢᠰᠬᠡᠨᠠ᠃ ᠭᠤᠷᠪᠠ ᠳᠤ᠂ ᠵᠠᠰᠠᠭ ᠤᠨ ᠤᠷᠳᠤᠨ ᠠᠴᠠ ᠬᠤᠳᠠᠯᠳᠤᠨ | ᠠᠪᠬᠤ ᠠᠵᠢᠯ ᠢ ᠤᠯᠠᠮ ᠭᠥᠨᠵᠡᠭᠡᠶᠢᠷᠡᠭᠦᠯᠥᠨ᠎ᠡ᠃ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠭᠥᠷᠢᠶ᠎ᠡ | ᠬᠡᠪᠴᠢᠶ᠎ᠡ ᠶᠢ ᠲᠠᠰᠤᠷᠠᠯᠳᠠ ᠥᠭᠡᠢ ᠥᠷᠭᠡᠳᠭᠡᠵᠥ᠂ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠵᠠᠰᠠᠭ ᠤᠨ | ᠤᠷᠳᠤᠨ ᠠᠴᠠ ᠬᠤᠳᠠᠯᠳᠤᠨ ᠠᠪᠬᠤ ᠠᠵᠢᠯ ᠤᠨ ᠴᠢᠮᠡᠭᠡ ᠵᠠᠩᠬᠢᠴᠢᠯᠠᠭᠰᠠᠨ ᠬᠠᠮᠢᠶᠠᠷᠤᠯᠳᠠ ᠶᠢᠨ ᠲᠥᠪᠰᠢᠨ ᠢ | ᠲᠡᠭᠡᠭᠰᠢᠯᠡᠭᠦᠯᠥᠨ᠎ᠡ᠃ ᠲᠥᠷᠪᠡ ᠳᠤ᠂ ᠡᠳ᠋ ᠤᠨ ᠵᠠᠰᠠᠭ ᠤᠨ ᠪᠥᠳᠥᠮᠵᠢ ᠶᠢᠨ ᠬᠠᠮᠢᠶᠠᠷᠤᠯᠳᠠ ᠶᠢ ᠠᠬᠢᠭᠤᠯᠤᠨ᠎ᠠ᠃ | ᠪᠥᠳᠥᠮᠵᠢ ᠶᠢᠨ ᠬᠠᠷᠠᠯᠳᠠᠳᠤ ᠬᠠᠮᠢᠶᠠᠷᠤᠯᠳᠠ ᠶᠢᠨ ᠠᠷᠭ᠎ᠠ ᠶᠢ ᠢᠳᠡᠪᠬᠢᠳᠡᠢ ᠰᠥᠪᠡᠭᠴᠢᠯᠡᠵᠥ᠂ ᠪᠥᠳᠥᠮᠵᠢ ᠪᠠᠷ | ᠬᠠᠷᠠᠯᠳᠠ ᠪᠤᠯᠭᠠᠵᠤ ᠳ᠋ᠥᠩ ᠢᠶᠠᠷ ᠴᠢᠭᠯᠡᠯᠳᠡ ᠪᠤᠯᠭᠠᠨ ᠲᠥᠷᠥᠯ ᠵᠥᠢᠯ ᠤᠨ ᠥᠪᠡᠷ ᠤᠨ ᠥᠷᠳᠡᠭ ᠢᠶᠠᠷ ᠰᠢᠯᠭᠠᠬᠤ | ᠪᠠᠷᠢᠮᠵᠢᠶ᠎ᠠ ᠪᠤᠯᠭᠠᠵᠤ ᠪᠥᠳᠥᠮᠵᠢ ᠶᠢᠨ ᠥᠨᠡᠯᠡᠯᠳᠡ ᠪᠠᠷ ᠭᠤᠤᠯ ᠴᠥᠮ᠎ᠡ ᠪᠤᠯᠭᠠᠭᠰᠠᠨ ᠪᠥᠳᠥᠮᠵᠢ ᠶᠢᠨ ᠬᠠᠮᠢᠶᠠᠷᠤᠯᠳᠠ | ᠶᠢᠨ ᠰᠢᠰᠲ᠋ᠧᠮ ᠢ ᠴᠤᠭᠴᠠᠯᠠᠨ ᠲᠡᠭᠦᠯᠳᠡᠷᠵᠢᠭᠦᠯᠵᠥ᠂ ᠡᠳ᠋ ᠤᠨ ᠵᠠᠰᠠᠭ ᠤᠨ ᠨᠢᠭᠡ ᠪᠥᠯᠥᠭ ᠲᠤᠰᠬᠠᠢ ᠲᠥᠷᠥᠯ ᠤᠨ | ᠪᠡᠯᠡ ᠮᠥᠩᠭᠦᠨ ᠤ ᠪᠥᠳᠥᠮᠵᠢ ᠶᠢᠨ ᠬᠠᠮᠢᠶᠠᠷᠤᠯᠳᠠ ᠶᠢᠨ ᠠᠵᠢᠯ ᠢ ᠥᠷᠨᠢᠭᠦᠯᠥᠨ᠂ ᠡᠳ᠋ ᠤᠨ ᠵᠠᠰᠠᠭ ᠤᠨ | ᠬᠠᠮᠢᠶᠠᠷᠤᠯᠳᠠ ᠶᠢᠨ ᠲᠥᠪᠰᠢᠨ ᠢ ᠪᠥᠭᠦ ᠲᠠᠯ᠎ᠠ ᠪᠠᠷ ᠲᠡᠭᠡᠭᠰᠢᠯᠡᠭᠦᠯᠥᠨ᠎ᠡ᠃ ᠲᠠᠪᠤ ᠳᠤ᠂ ᠵᠠᠰᠠᠭ ᠵᠠᠬᠢᠷᠭ᠎ᠠ ᠠᠵᠢᠯ | ᠥᠢᠯᠡᠰ ᠤᠨ ᠨᠢᠭᠡᠴᠢ ᠶᠢᠨ ᠲᠤᠭᠳᠠᠮᠠᠯ ᠭᠥᠷᠥᠩᠭᠡ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠮᠠᠨ ᠤ ᠬᠤᠰᠢᠭᠤᠨ | ᠤ ᠵᠠᠰᠠᠭ ᠵᠠᠬᠢᠷᠭ᠎ᠠ ᠠᠵᠢᠯ ᠥᠢᠯᠡᠰ ᠤᠨ ᠨᠢᠭᠡᠴᠢ ᠶᠢᠨ ᠲᠤᠭᠳᠠᠮᠠᠯ ᠭᠥᠷᠥᠩᠭᠡ ᠶᠢᠨ ᠬᠠᠮᠢᠶᠠᠷᠤᠯᠳᠠ ᠶᠢ ᠤᠯᠠᠮ | ᠲᠥᠷᠢᠮᠵᠢᠭᠦᠯᠥᠨᠡ᠃ ᠤᠤᠯ ᠭᠥᠷᠥᠩᠭᠡ ᠶᠢ ᠠᠮᠢᠳᠤᠯᠢᠭᠵᠢᠭᠤᠯᠵᠤ᠂ ᠤᠯᠤᠰ ᠤᠨ ᠥᠮᠴᠢᠯᠡᠯᠳᠤ ᠭᠥᠷᠥᠩᠭᠡ ᠶᠢ | ᠵᠤᠬᠢᠰᠳᠠᠢ ᠲᠤᠬᠢᠷᠠᠭᠤᠯᠬᠤ ᠪᠤᠶᠤ ᠪᠥᠳᠥᠮᠵᠢᠳᠠᠢ ᠠᠰᠢᠭᠯᠠᠨ ᠤᠯᠤᠰ ᠤᠨ ᠥᠮᠴᠢᠯᠡᠯᠳᠤ ᠭᠥᠷᠥᠩᠭᠡ ᠶᠢᠨ | ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠥᠨ᠎ᠡ᠃ ᠵᠢᠷᠭᠤᠭ᠎ᠠ ᠳᠤ᠂ ᠥᠨᠳᠥᠰᠥᠨ ᠱᠠᠳᠤᠨ ᠤ ᠡᠳ᠋ ᠤᠨ ᠵᠠᠰᠠᠭ | ᠤᠨ ᠬᠠᠮᠢᠶᠠᠷᠤᠯᠳᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠡᠷᠭᠡᠪᠰᠢ ᠭᠥᠢᠴᠡᠳᠭᠡᠭᠦᠯᠥᠨ᠂ ᠥᠨᠳᠥᠰᠥᠨ ᠱᠠᠳᠤᠨ ᠤ ᠡᠳ᠋ ᠤᠨ ᠵᠠᠰᠠᠭ | ᠤᠨ ᠬᠠᠮᠢᠶᠠᠷᠤᠯᠳᠠ ᠪᠠᠶᠢᠭᠤᠯᠤᠯᠳᠠ ᠶᠢ ᠭᠥᠨᠵᠡᠭᠡᠶᠢᠷᠡᠭᠦᠯᠥᠨ᠂ ᠡᠯ᠎ᠡ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠤᠨ | ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠭᠠᠵᠠᠷ ᠤᠨ ᠬᠠᠮᠢᠶᠠᠷᠤᠯᠳᠠ | ᠶᠢᠨ ᠲᠥᠪᠰᠢᠨ ᠢ ᠲᠡᠭᠡᠭᠰᠢᠯᠡᠭᠦᠯᠥᠨ᠂ ᠨᠡᠶᠢᠳᠡ ᠶᠢᠨ ᠥᠢᠯᠡᠴᠢᠯᠡᠭᠡ ᠬᠠᠩᠭᠠᠬᠤ ᠴᠢᠳᠠᠪᠬᠢ ᠶᠢ ᠲᠡᠭᠦᠯᠳᠡᠷᠵᠢᠭᠦᠯᠥᠨ᠎ᠡ᠃ | ᠳᠤᠯᠤᠭ᠎ᠠ ᠳᠤ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠬᠡᠨ ᠤ ᠬᠠᠮᠢᠶᠠᠷᠤᠯᠳᠠ ᠬᠢᠵᠠᠭᠠᠷᠯᠠᠯᠳᠠ ᠶᠢ | ᠴᠢᠩᠭᠠᠤᠨᠬᠠᠨ᠎ᠠ᠃ ︽ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠬᠡᠨ ᠤ ᠬᠠᠮᠢᠶᠠᠷᠤᠯᠳᠠ ᠶᠢ ᠴᠢᠩᠭᠠᠤᠨᠬᠠᠬᠤ | ᠳᠤᠬᠠᠢ ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠠ ︽ᠤᠳᠤᠭ ᠤᠨ ᠡᠮᠤᠨᠡᠳᠤ ᠬᠤᠰᠢᠭᠤᠨ ᠤ ᠵᠠᠰᠠᠭ | ᠤᠨ ᠤᠷᠳᠤᠨ ᠤ ᠴᠢᠨᠠᠷᠳᠠᠢ ᠦᠷᠢ ᠦᠭᠴᠡᠬᠡᠨ ᠤ ᠬᠠᠮᠢᠶᠠᠷᠤᠯᠳᠠ ︵ᠲᠦᠷ ᠬᠡᠷᠡᠭᠵᠢᠬᠦᠯᠬᠦ︶ ᠶᠢᠨ ᠠᠷᠭ᠎ᠠ︾ ᠵᠡᠷᠬᠡ | ᠳᠤᠭᠳᠠᠭᠠᠯ ᠶᠤᠰᠤᠭᠠᠷ ᠦᠷᠢ ᠦᠭᠴᠡᠭᠡ ᠶᠢ ᠬᠠᠮᠢᠶᠠᠷᠤᠨ ᠬᠢᠵᠠᠭᠠᠷᠯᠠᠵᠤ᠂ ᠵᠠᠰᠠᠭ ᠤᠨ ᠤᠷᠳᠤᠨ ᠤ ᠴᠢᠨᠠᠷᠳᠠᠢ ᠦᠷᠢ | ᠦᠭᠴᠡᠭᠡ ᠶᠢᠨ ︽ᠵᠢᠬᠡᠯᠡᠬᠦ᠂ ᠬᠡᠷᠡᠭᠯᠡᠬᠦ᠂ ᠪᠤᠴᠠᠭᠠᠬᠤ︾ ᠠᠵᠢᠯᠯᠠᠭ᠎ᠠ ᠶᠢ ᠲᠦᠷᠢᠮᠵᠢᠬᠦᠯᠤᠨ᠂ ᠦᠷᠢ ᠦᠭᠴᠡᠭᠡ ᠶᠢᠨ | ᠲᠦᠭᠰᠢᠬᠦᠷᠢ ᠶᠢ ᠰᠡᠷᠬᠡᠶᠢᠯᠡᠬᠦ ᠪᠠ ᠰᠢᠢᠤᠨᠪᠤᠷᠢᠯᠠᠨᠠ᠃ | ︵ᠲᠥᠷᠪᠡ︶ ᠬᠤᠪᠢ ᠪᠡᠶ᠎ᠡ ᠶᠢᠨ ᠴᠤᠭᠴᠠᠯᠠᠯᠳᠠ ᠶᠢ ᠭᠤᠤᠯᠴᠢᠯᠠᠨ᠂ ᠥᠢᠯᠡᠴᠢᠯᠡᠭᠡᠨ ᠤ ᠤᠬᠠᠮᠰᠠᠷ ᠢ | ᠴᠢᠩᠭᠠᠳᠬᠠᠵᠤ᠂ ᠺᠠᠳ᠋ᠷ ᠤᠨ ᠡᠩᠨᠡᠭᠡᠨ ᠤ ᠬᠡᠪ ᠪᠤᠯᠪᠠᠰᠤᠷᠠᠯ ᠢ ᠲᠡᠭᠡᠭᠰᠢᠯᠡᠭᠦᠯᠥᠨ᠎ᠡ᠃ ᠨᠢᠭᠡ ᠳᠤ᠂ ᠭᠥᠮᠥᠵᠢᠯ | ᠪᠤᠯᠪᠠᠰᠤᠷᠠᠯ ᠢ ᠴᠢᠬᠤᠯᠠᠴᠢᠯᠠᠨ ᠡᠳ᠋ ᠤᠨ ᠵᠠᠰᠠᠭ ᠤᠨ ᠠᠵᠢᠯᠳᠠᠳ ᠤᠨ ᠶᠡᠷᠥᠩᠭᠡᠶᠢᠯᠡᠭᠰᠡᠨ ᠬᠡᠪ ᠴᠢᠨᠠᠷ ᠢ | ᠲᠡᠭᠡᠭᠰᠢᠯᠡᠭᠦᠯᠥᠨ᠎ᠡ᠃ ᠭᠥᠮᠥᠵᠢᠯ ᠪᠤᠯᠪᠠᠰᠤᠷᠠᠯ ᠢ ᠴᠢᠩᠭᠠᠳᠬᠠᠨ ᠠᠵᠢᠯᠳᠠᠳ ᠤᠨ ᠮᠡᠳᠡᠯᠭᠡ ᠶᠢᠨ ᠪᠥᠳᠥᠴᠡ ᠶᠢ | ᠰᠢᠨᠡᠴᠢᠯᠡᠵᠥ᠂ ᠺᠠᠳ᠋ᠷᠴᠤᠳ ᠤᠨ ᠰᠢᠷᠭᠠᠭᠤ ᠰᠤᠷᠤᠯᠴᠠᠨ ᠴᠢᠳᠠᠮᠠᠭᠠᠢ ᠰᠡᠳᠬᠢᠵᠥ ᠯᠠᠪᠳᠠᠭᠤᠨ ᠥᠢᠯᠡᠳᠥᠯᠭᠡᠵᠢᠭᠦᠯᠭᠦ | ᠲᠠᠳᠬᠠᠯ ᠢ ᠪᠤᠢ ᠪᠤᠯᠭᠠᠨ᠂ ᠡᠭᠦᠷᠭᠡ ᠲᠤᠰᠢᠶᠠᠯ ᠢᠶᠠᠨ ᠬᠦᠢᠴᠡᠤᠨᠬᠡᠬᠦ ᠴᠢᠳᠠᠪᠤᠷᠢ ᠶᠢ ᠨᠢ ᠨᠡᠮᠡᠭᠳᠡᠭᠦᠯᠥᠨ᠎ᠡ᠃ ᠡᠳ᠋ ᠤᠨ | ᠵᠠᠰᠠᠭ ᠤᠨ ᠭᠠᠵᠠᠷ ᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ ᠬᠢᠨᠠᠨ ᠰᠢᠯᠭᠠᠷᠠᠭᠤᠯᠬᠤ ᠲᠥᠷᠢᠮ | ᠢ ᠲᠡᠭᠦᠯᠳᠡᠷᠵᠢᠭᠦᠯᠥᠨ᠎ᠡ᠃ ᠡᠳ᠋ ᠤᠨ ᠵᠠᠰᠠᠭ ᠤᠨ ᠺᠠᠳᠠᠷᠴᠤᠳ ᠤᠨ ᠭᠥᠮᠥᠵᠢᠯ ᠪᠤᠯᠪᠠᠰᠤᠷᠠᠯ ᠪᠠ ᠰᠤᠯᠢᠯᠴᠠᠭᠠᠨ ᠤ | ᠲᠥᠷᠢᠮ ᠢ ᠴᠤᠭᠴᠠᠯᠠᠨ᠂ ᠴᠢᠳᠠᠪᠥᠷᠢᠳᠡᠳ ᠤᠨ ᠡᠬᠢ ᠰᠤᠷᠪᠤᠯᠵᠢ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠥᠨ᠎ᠡ᠃ | ᠬᠤᠶᠠᠷ ᠲᠤ᠂ ᠪᠠᠶᠢᠭᠤᠯᠭ᠎ᠠ ᠶᠢᠨ ᠠᠵᠢᠯᠯᠠᠬᠤ ᠬᠡᠪ ᠰᠤᠷᠳᠠᠯ ᠢ ᠰᠠᠶᠢᠵᠢᠷᠠᠭᠤᠯᠤᠨ᠂ ᠡᠳ᠋ ᠤᠨ ᠵᠠᠰᠠᠭ ᠤᠨ | ᠥᠢᠯᠡᠴᠢᠯᠡᠭᠡᠨ ᠤ ᠲᠥᠪᠰᠢᠨ ᠢ ᠲᠡᠭᠡᠭᠰᠢᠯᠡᠭᠦᠯᠥᠨ᠎ᠡ᠃ ᠪᠠᠶᠢᠭᠤᠯᠭ᠎ᠠ ᠶᠢᠨ ᠠᠵᠢᠯ ᠤᠨ ᠪᠥᠳᠥᠮᠵᠢ ᠶᠢ ᠴᠢᠩᠭᠠᠳᠬᠠᠨ᠂ | ᠺᠠᠳ᠋ᠷᠴᠤᠳ ᠤᠨ ᠰᠠᠨᠠᠭᠠᠴᠢᠯᠠᠭᠠᠳᠠᠢ ᠪᠠᠷ ᠠᠵᠤ ᠠᠬᠤᠶᠢᠯᠠᠯ᠂ ᠲᠥᠷᠥᠯ ᠵᠥᠢᠯ ᠪᠠ ᠭᠥᠭᠵᠢᠯᠳᠡ ᠳᠤ ᠥᠢᠯᠡᠴᠢᠯᠡᠭᠦ | ᠤᠬᠠᠮᠰᠠᠷ ᠪᠠ ᠴᠢᠳᠠᠪᠤᠷᠢ ᠶᠢ ᠤᠯᠠᠮ ᠲᠡᠭᠡᠭᠰᠢᠯᠡᠭᠦᠯᠥᠨ᠎ᠡ᠃ ᠭᠤᠷᠪᠠ ᠳᠤ᠂ ᠨᠠᠮ ᠤᠨ ᠭᠡᠰᠢᠭᠦᠳ ᠤᠨ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠨ᠂ ᠭᠥᠴᠥᠷᠭᠡᠭ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠨ᠎ᠠ᠃ | ᠥᠵᠡᠯ ᠰᠠᠨᠠᠭ᠎ᠠ᠂ ᠬᠡᠪ ᠰᠤᠷᠳᠠᠯ ᠪᠤᠯᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠥᠷᠭᠦᠯᠵᠢᠯᠡᠨ | ᠴᠢᠩᠭᠠᠳᠬᠠᠵᠤ᠂ ᠨᠠᠮ ᠤᠨ ᠭᠡᠰᠢᠭᠦᠳ ᠤᠨ ᠰᠤᠷᠤᠯᠴᠠᠯᠭ᠎ᠠ ᠭᠥᠮᠥᠵᠢᠯ ᠢ ᠴᠢᠬᠤᠯᠠᠴᠢᠯᠠᠨ᠂ ᠨᠠᠮ ᠤᠨ ᠭᠡᠰᠢᠭᠦᠳ | ᠡᠯ᠎ᠡ ᠠᠵᠢᠯ ᠤᠨ ᠳᠤᠮᠳᠠ ᠬᠤᠰᠢᠭᠤᠴᠢ ᠥᠢᠯᠡᠳᠥᠯ ᠢᠶᠠᠨ ᠪᠠᠳᠠᠷᠠᠭᠤᠯᠬᠤ ᠶᠢ ᠭᠥᠮᠥᠵᠢᠭᠦᠯᠥᠨ ᠵᠢᠯᠤᠭᠤᠳᠴᠤ᠂ ᠡᠳ᠋ | ᠤᠨ ᠵᠠᠰᠠᠭ ᠤᠨ ᠠᠵᠢᠯ ᠤᠨ ᠭᠥᠭᠵᠢᠯᠳᠡ ᠳᠤ ᠭᠥᠴᠥᠷᠭᠡᠭ ᠶᠡᠭᠡ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ | ᠬᠠᠩᠭᠠᠨ᠎ᠠ᠃ | ᠲᠥᠯᠥᠭᠡᠯᠡᠭᠴᠢᠳ ᠡ᠂ 2015 ᠤᠨ ᠪᠤᠯ ︽ᠠᠷᠪᠠᠨ ᠬᠤᠶᠠᠳᠤᠭᠠᠷ ᠳᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠳᠠ ᠶᠢ ᠪᠡᠶᠡᠯᠡᠭᠦᠯᠭᠦ ᠵᠠᠩᠬᠢᠯᠠᠭ᠎ᠠ ᠶᠢᠨ ᠤᠨ ᠪᠤᠯᠬᠤ ᠤᠴᠢᠷ ᠪᠥᠭᠦ ᠵᠢᠯ ᠤᠨ ᠡᠳ᠋ ᠤᠨ | ᠵᠠᠰᠠᠭ ᠤᠨ ᠠᠵᠢᠯ ᠤᠨ ᠡᠭᠦᠷᠭᠡ ᠶᠢ ᠪᠥᠳᠥᠮᠵᠢᠳᠠᠢ ᠪᠡᠶᠡᠯᠡᠭᠦᠯᠭᠦ ᠨᠢ ᠴᠢᠬᠤᠯᠠ ᠠᠴᠢ ᠬᠤᠯᠪᠤᠭᠳᠠᠯ ᠲᠠᠢ ᠶᠤᠮ᠃ | ᠰᠢᠨ᠎ᠡ ᠨᠢᠭᠡᠨ ᠵᠢᠯ ᠳᠤ ᠪᠢᠳᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ | ᠪᠠ ᠠᠷᠠᠳ ᠤᠨ ᠲᠥᠯᠥᠭᠡᠯᠡᠭᠴᠢᠳ ᠤᠨ ᠪᠠᠶᠢᠩᠭᠤ ᠶᠢᠨ ᠬᠤᠷᠢᠶ᠎ᠠ ᠬᠢᠭᠡᠳ ᠤᠯᠤᠰ ᠲᠥᠷᠥ ᠶᠢᠨ ᠵᠥᠪᠯᠡᠯᠭᠡᠨ ᠤ | ᠬᠢᠨᠠᠯᠳᠠ ᠵᠢᠯᠤᠭᠤᠳᠤᠯᠭ᠎ᠠ ᠲᠤᠤᠷ᠎ᠠ ᠲᠤᠰ ᠤᠳᠠᠭᠠᠨ ᠤ ᠬᠤᠷᠠᠯ ᠤᠨ ᠰᠢᠢᠳᠪᠤᠷᠢ ᠶᠢ ᠨᠠᠷᠢᠨ ᠬᠢᠨᠠᠮᠠᠭᠠᠢ | ᠲᠤᠤᠱᠯᠠᠭᠤᠯᠤᠨ᠂ ᠬᠥᠴᠥ ᠵᠤᠷᠢᠭ ᠢᠶᠠᠨ ᠨᠢᠭᠡᠳᠭᠡᠨ ᠥᠭᠡᠷᠡᠴᠢᠯᠡᠯᠳᠡ ᠰᠢᠨᠡᠴᠢᠯᠡᠯᠳᠡ ᠬᠢᠵᠤ᠂ ᠡᠯ᠎ᠡ ᠲᠥᠷᠥᠯ ᠤᠨ | ᠠᠵᠢᠯ ᠢᠶᠠᠨ ᠯᠠᠪᠳᠠᠭᠤᠨ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠥᠷᠭᠦᠯᠵᠢᠭᠦᠶᠢᠴᠡ | ᠡᠷᠡᠭᠦᠯ ᠭᠥᠭᠵᠢᠯᠳᠡ ᠳᠤ ᠭᠥᠴᠥᠨ ᠨᠡᠮᠡᠷᠢᠯᠡᠰᠥᠭᠡᠢ︕ | | | | |