—— 2014 ᠤᠨ ᠤ 1 ᠰᠠᠷ᠎ᠠ ᠶᠢᠨ 22 ᠤᠨ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ | ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠬᠡᠷ᠎ᠠ | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ | ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ | | ᠵᠢᠷᠭᠠᠯᠳᠤ | | ᠲᠦᠯᠦᠬᠡᠯᠡᠭᠴᠢᠤᠨ ᠡ᠄ | ᠡᠳᠤᠬᠡ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ | ᠲᠥᠯᠥᠭᠡᠯᠡᠭᠴᠢᠳ ᠬᠢᠨᠠᠨ ᠵᠦᠪᠯᠡᠵᠤ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ | ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ ᠦᠩᠬᠡᠷᠡᠭᠰᠡᠨ ᠨᠢᠬᠡ ᠵᠢᠯ ᠤᠨ ᠠᠵᠢᠯ ᠤᠨ ᠡᠷᠬᠢᠴᠡᠬᠦᠯᠤᠯ | 2013 ᠤᠨ ᠪᠤᠯ ᠳᠤᠰ ᠡᠬᠡᠯᠵᠢ ᠶᠢᠨ ᠵᠠᠰᠠᠭ ᠤᠨ ᠤᠷᠳᠤᠨ ᠤ ᠡᠬᠢᠯᠠᠯᠳᠠ ᠶᠢᠨ ᠵᠢᠯ ᠪᠤᠯᠤᠨ᠎ᠠ᠃ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠦᠪ | ᠤᠳᠤᠷᠢᠳᠤᠯᠭ᠎ᠠ᠂ ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠪᠠᠶᠢᠩᠭᠤ ᠶᠢᠨ ᠬᠤᠷᠢᠶ᠎ᠠ ᠪᠠ ᠤᠯᠤᠰ | ᠲᠦᠷᠤ ᠶᠢᠨ ᠵᠦᠪᠯᠡᠯᠬᠡᠨ ᠤ ᠬᠦᠴᠤᠳᠤ ᠳᠡᠮᠵᠢᠯᠬᠡ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠤᠰᠤᠳᠠᠨ ᠤ ᠺᠠᠳ᠋ᠷ | ᠤᠯᠠᠨ ᠲᠦᠮᠡᠨ ᠲᠠᠢ ᠪᠦᠯᠬᠦᠮᠳᠠᠨ᠂ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠠ ᠶᠢᠨ | ᠰᠡᠤᠨᠬᠢᠮᠵᠢ ᠶᠢ ᠪᠦᠬᠦ ᠳᠠᠯ᠎ᠠ ᠪᠠᠷ ᠳᠤᠤᠱᠯᠠᠭᠤᠯᠵᠤ᠂ ᠠᠵᠤ ᠠᠬᠤᠢ ᠶᠢᠨ ᠨᠡᠮᠡᠭᠳᠡᠯ᠂ ᠠᠷᠠᠤᠨ ᠤᠨ ᠠᠮᠢᠳᠤᠷᠠᠯ᠂ | ᠠᠮᠤᠷ ᠳᠤᠭᠳᠠᠭᠤᠨ ᠢ ᠪᠦᠬᠦ ᠬᠦᠴᠤᠨ ᠢᠶᠠᠷ ᠪᠠᠳᠤᠯᠠᠵᠤ᠂ ᠬᠤᠳᠠ ᠬᠦᠳᠡᠭᠡ ᠶᠢ ᠨᠢᠬᠡᠳᠤᠯᠳᠠᠢ ᠲᠦᠯᠤᠪᠵᠢᠬᠦᠯᠵᠤ | ᠡᠷᠴᠢᠮᠵᠢᠬᠦᠯᠤᠨ ᠬᠦᠭᠵᠢᠬᠦᠯᠬᠦ ᠠᠵᠢᠯ ᠢ ᠡᠷᠴᠢᠮᠳᠠᠢ ᠠᠬᠢᠭᠤᠯᠪᠠ᠃ ᠵᠢᠱᠢᠯᠳᠠ ᠪᠠᠷ᠂ ᠭᠠᠵᠠᠷ ᠤᠷᠤᠨ ᠤ | ᠥᠢᠯᠡᠳᠪᠥᠷᠢᠯᠡᠯ ᠤᠨ ᠶᠡᠷᠥᠩᠭᠡᠢ ᠥᠷᠳᠡᠭ 118 ᠳ᠋ᠦᠩᠰᠢᠭᠤᠷ ᠲᠦᠬᠦᠷᠢᠭ ᠬᠦᠷᠴᠤ᠂ 27.1% ᠨᠡᠮᠡᠭᠳᠡᠪᠠ︔ | ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ 11.66 ᠳ᠋ᠥᠩᠰᠢᠭᠤᠷ ᠲᠥᠭᠦᠷᠢᠭ ᠲᠤ ᠭᠥᠷᠥᠨ᠂ | 19.16% ᠨᠡᠮᠡᠭᠳᠡᠪᠠ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 230.9 ᠳ᠋ᠦᠩᠰᠢᠭᠤᠷ ᠲᠦᠬᠦᠷᠢᠭ | ᠲᠤ ᠬᠦᠷᠴᠤ᠂ 14.67% ᠨᠡᠮᠡᠭᠳᠠᠪᠠ︔ ᠬᠤᠳᠠ ᠪᠠᠯᠭᠠᠰᠤᠨ ᠤ ᠰᠠᠭᠤᠭᠠᠯᠢ ᠠᠷᠠᠤᠨ ᠤᠨ ᠬᠦᠮᠤᠨ ᠳᠤᠮᠳᠠᠴᠢ | ᠶᠢᠨ ᠡᠵᠡᠮᠳᠡᠵᠤ ᠪᠤᠯᠬᠤ ᠤᠷᠤᠯᠭ᠎ᠠ 32706 ᠲᠦᠬᠦᠷᠢᠭ ᠲᠤ ᠬᠦᠷᠴᠤ᠂ 7.6% ᠨᠡᠮᠡᠭᠳᠡᠪᠠ︔ ᠮᠠᠯᠴᠢᠨ | ᠳᠠᠷᠢᠶᠠᠴᠢᠤᠨ ᠤᠨ ᠬᠦᠮᠤᠨ ᠳᠤᠮᠳᠠᠴᠢ ᠶᠢᠨ ᠴᠡᠪᠡᠷ ᠤᠷᠤᠯᠭ᠎ᠠ 12800 ᠲᠦᠬᠦᠷᠢᠭ ᠲᠤ ᠬᠦᠷᠴᠤ᠂ 11.6% | ᠨᠡᠮᠡᠭᠳᠡᠪᠠ᠃ | ︵ᠨᠢᠬᠡ︶ ᠠᠵᠤ ᠤᠶᠢᠯᠡᠤᠨᠪᠤᠷᠢ ᠶᠢᠨ ᠲᠦᠷᠤᠯ ᠵᠦᠢᠯ ᠤᠨ ᠪᠠᠶᠢᠭᠤᠯᠤᠯᠳᠠ ᠲᠦᠷᠬᠡᠨ ᠠᠬᠢᠪᠠ᠃ | ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠠᠵᠤ ᠦᠢᠯᠡᠤᠨᠪᠤᠷᠢ ᠶᠢᠨ 18 ᠭᠤᠤᠯᠳᠠᠯᠭᠠᠳᠤ ᠲᠦᠷᠤᠯ ᠵᠦᠢᠯ ᠢ | ᠬᠡᠷᠡᠭᠵᠢᠬᠦᠯᠵᠤ᠂ 91 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ᠃ ᠱᠠᠩᠬᠠᠢ ᠶᠢᠨ ᠰᠦᠮ᠎ᠠ ᠡᠨᠧᠷᠬᠢ ᠬᠢᠮᠢ | ᠶᠢᠨ ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠪᠠ ᠭᠤᠤᠯᠯᠠᠭᠴᠢ ᠠᠵᠤ ᠠᠬᠤᠶᠢᠯᠠᠯ ᠤᠨ ᠡᠵᠡᠩᠨᠠᠯᠳᠠ ᠶᠢᠨ | ᠤᠷᠤᠯᠭ᠎ᠠ ᠶᠢ 176.55 ᠳ᠋ᠦᠩᠰᠢᠭᠤᠷ ᠲᠦᠬᠦᠷᠢᠭ ᠪᠠ 101.46 ᠳ᠋ᠦᠩᠰᠢᠭᠤᠷ ᠲᠦᠬᠦᠷᠢᠭ ᠪᠡᠶᠡᠯᠡᠬᠦᠯᠪᠠ᠃ | ᠡᠾᠧᠩ ᠺᠦᠨ ᠤ 120 ᠲᠦᠮᠡᠨ ᠳᠤᠨ ᠨᠡᠬᠦᠷᠡᠰᠤ ᠬᠡᠤᠷᠰᠢᠬᠦᠯᠬᠦ ᠤᠯᠠᠨ ᠬᠤᠯᠪᠤᠭᠠᠳᠤ ᠤᠶᠢᠯᠡᠤᠨᠪᠤᠷᠢᠯᠠᠯ ᠤᠨ | ᠬᠤᠶᠠᠳᠤᠭᠠᠷ ᠬᠤᠭᠤᠴᠠᠭ᠎ᠠ᠂ ᠱᠢ ᠳ᠋ᠠ ᠪᠤᠬᠢᠷᠳᠤᠯ ᠦᠬᠡᠢ ᠡᠨᠧᠷᠬᠢ ᠪᠠ ᠰᠧᠨ ᠲᠠᠢ ᠶᠢᠨ ᠬᠤᠶᠠᠷ 2×20 ᠲᠦᠮᠡᠨ | ᠳᠤᠨ LNG ᠲᠦᠷᠤᠯ ᠵᠦᠢᠯ ᠤᠨ ᠨᠢᠬᠡᠳᠤᠬᠡᠷ ᠬᠤᠭᠤᠴᠠᠭ᠎ᠠ ᠶᠢ ᠡᠬᠢᠯᠠᠨ ᠪᠠᠶᠢᠭᠤᠯᠵᠤ᠂ ᠰᠢᠨ᠎ᠠ ᠱᠠᠩᠬᠠᠢ ᠶᠢᠨ | ᠰᠦᠮ᠎ᠠ 1 ᠨᠤᠮᠧᠷᠳᠤ ᠨᠡᠬᠦᠷᠡᠰᠤᠨ ᠠᠭᠤᠷᠬᠠᠢ ᠪᠠᠶᠢᠭᠤᠯᠤᠭᠳᠠᠨ ᠳᠤᠷᠰᠢᠨ ᠤᠶᠢᠯᠡᠤᠨᠪᠤᠷᠢᠯᠡᠵᠤ᠂ ᠪᠦᠬᠦ ᠬᠤᠰᠢᠭᠤᠨ | ᠤ 4 ᠰᠠᠭᠤᠷᠢ ᠨᠡᠬᠦᠷᠡᠰᠤᠨ ᠠᠭᠤᠷᠬᠠᠢ ᠤᠶᠢᠯᠡᠤᠨᠪᠤᠷᠢᠯᠠᠯ ᠳᠤ ᠤᠷᠤᠵᠤ᠂ ᠨᠡᠬᠦᠷᠡᠰᠤ᠂ ᠨᠡᠬᠦᠷᠡᠰᠤ ᠬᠢᠮᠢ ᠶᠢᠨ | ᠤᠶᠢᠯᠡᠤᠨᠪᠤᠷᠢᠯᠡᠯ ᠤᠨ ᠭᠠᠷᠤᠯᠳᠠ 1550 ᠲᠦᠮᠡᠨ ᠳᠤᠨ ᠪᠠ 110 ᠲᠦᠮᠡᠨ ᠳᠤᠨ ᠳᠤ ᠬᠦᠷᠪᠠ︔ 227 | ᠰᠢᠳᠠᠮᠠᠬᠠᠢ ᠬᠡᠢ ᠶᠢᠨ ᠬᠤᠤᠨᠳᠤᠭ ᠢ ᠰᠢᠨ᠎ᠠ ᠪᠠᠷ ᠨᠡᠮᠡᠵᠤ᠂ ᠰᠢᠳᠠᠮᠠᠬᠠᠢ ᠬᠡᠢ ᠶᠢᠨ ᠭᠠᠷᠤᠯᠳᠠ 40 ᠳ᠋ᠦᠩᠰᠢᠭᠤᠷ | ᠪᠤᠰᠤᠭ᠎ᠠ ᠲᠦᠷᠪᠠᠯᠵᠢᠨ ᠮᠧᠲᠷ ᠲᠤ ᠬᠦᠷᠴᠤ᠂ 10 ᠳ᠋ᠦᠩᠰᠢᠭᠤᠷ ᠪᠤᠰᠤᠭ᠎ᠠ ᠲᠦᠷᠪᠠᠯᠵᠢᠨ ᠮᠧᠲᠷ ᠨᠡᠮᠡᠭᠳᠠᠪᠠ᠃ | ᠠᠵᠤ ᠤᠶᠢᠯᠡᠤᠨᠪᠤᠷᠢ ᠶᠢᠨ ᠠᠵᠤ ᠠᠬᠤᠢ ᠶᠢᠨ ᠡᠳ᠋ ᠤᠨ ᠵᠠᠰᠠᠭ ᠲᠤ ᠦᠵᠡᠬᠦᠯᠦᠭᠰᠡᠨ ᠵᠢᠤᠨᠬᠦᠯ ᠤᠨ ᠨᠤᠷᠮ᠎ᠠ 70% | ᠶᠢ ᠳᠠᠪᠠᠪᠠ᠃ ᠠᠷᠠᠯᠵᠢᠶᠠᠴᠢᠨ ᠤᠷᠢᠨ ᠪᠡᠯᠡ ᠳᠠᠳᠠᠬᠤ ᠪᠦᠳᠤᠮᠵᠢ ᠢᠯᠡᠤᠨᠴᠤ᠂ ᠵᠢᠤ ᠲᠠᠢ᠂ ᠬᠤᠸᠠ ᠰᠢᠩ ᠵᠡᠷᠬᠡ | ᠳᠤᠮᠤ ᠬᠡᠯᠪᠡᠷᠢ ᠶᠢᠨ ᠠᠷᠠᠤᠨ ᠤᠨ ᠡᠵᠡᠩᠨᠡᠯᠳᠠ ᠶᠢᠨ ᠠᠵᠤ ᠠᠬᠤᠶᠢᠯᠡᠯ ᠢ ᠤᠷᠢᠨ ᠠᠪᠴᠢᠷᠠᠵᠤ᠂ 9 ᠶᠡᠭᠡ ᠲᠦᠷᠤᠯ | ᠵᠦᠢᠯ ᠤᠨ ᠵᠦᠪᠯᠡᠯᠴᠡᠬᠡᠷ ᠳᠤᠭᠳᠠᠵᠤ᠂ ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ ᠡᠨᠧᠷᠬᠢ ᠬᠢᠮᠢ ᠶᠢᠨ | ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠤᠨ ᠲᠦᠷᠤᠯ ᠵᠦᠢᠯ ᠤᠨ ᠪᠡᠯᠡ ᠤᠷᠤᠭᠤᠯᠤᠯᠳᠠ ᠪᠠᠷ ᠪᠡᠯᠡ | ᠤᠷᠤᠭᠤᠯᠬᠤ ᠭᠤᠤᠯ ᠴᠤᠭᠴᠠ ᠪᠤᠯᠭᠠᠭᠰᠡᠨ ᠤᠯᠠᠨ ᠡᠰᠢᠳᠤ ᠪᠦᠳᠤᠴᠠ ᠶᠢ ᠪᠦᠷᠢᠯᠳᠤᠬᠦᠯᠪᠠ᠃ ᠲᠦᠷᠤᠯ ᠵᠦᠢᠯ | ᠤᠨ ᠵᠦᠪᠰᠢᠶᠡᠷᠡᠯᠳᠠ ᠶᠢᠨ ᠴᠢᠬᠤᠯᠠ ᠶᠡᠭᠡ ᠰᠢᠪᠳᠤᠯᠤᠯᠳᠠ ᠶᠢ ᠪᠡᠶᠡᠯᠡᠬᠦᠯᠵᠤ᠂ ᠶᠡᠷᠤᠩᠬᠡᠢ ᠮᠠᠰᠢᠨ ᠴᠤᠭᠴᠠᠯᠠᠪᠤᠷᠢ ᠨᠢ | 1070 ᠲᠦᠮᠡᠨ ᠺᠢᠯᠤᠸᠠᠲ ᠤᠨ ᠢᠯᠴᠢ ᠴᠠᠬᠢᠯᠭᠠᠨ᠂ ᠬᠤᠸᠠ ᠰᠢᠩ ᠤᠨ 40 ᠳ᠋ᠦᠩᠰᠢᠭᠤᠷ ᠪᠤᠰᠤᠭ᠎ᠠ | ᠲᠦᠷᠪᠠᠯᠵᠢᠨ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠤᠯ ᠵᠦᠢᠯ ᠢ ᠤᠯᠤᠰ ᠤᠨ ᠬᠦᠭᠵᠢᠬᠦᠯᠤᠯᠳᠠ | ᠦᠬᠡᠷᠡᠴᠢᠯᠠᠯᠳᠠ ᠶᠢᠨ ᠵᠦᠪᠯᠡᠯ ᠳᠤ ᠮᠡᠳᠡᠬᠦᠯᠵᠤ᠂ ᠰᠧᠨ ᠲᠠᠢ ᠶᠢᠨ 2×20 ᠲᠦᠮᠡᠨ ᠳᠤᠨ LNG᠂ ᠷᠦᠨ | ᠪᠦᠸᠧ ᠶᠢᠨ 33 ᠰᠡᠶᠡ ᠸᠠᠲ ᠤᠨ ᠬᠡᠷᠡᠯ ᠴᠠᠬᠢᠯᠭᠠᠨ ᠵᠡᠷᠬᠡ 4 ᠲᠦᠷᠤᠯ ᠵᠦᠢᠯ ᠴᠤᠬᠤᠯᠠᠪᠤᠷᠢᠯᠠᠯ ᠤᠯᠵᠤ᠂ ︽ | ᠱᠠᠩᠬᠠᠢ ᠶᠢᠨ ᠰᠦᠮ᠎ᠠ ᠠᠭᠤᠷᠬᠠᠢ ᠶᠢᠨ ᠤᠷᠤᠨ ᠤ ᠶᠡᠷᠤᠩᠬᠡᠢ ᠲᠦᠯᠤᠪᠵᠢᠬᠦᠯᠬᠡ ︵ᠵᠠᠰᠠᠪᠤᠷᠢᠯᠠᠭᠰᠡᠨ︶︾᠂ ︽ | ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠤᠨ ᠠᠵᠤ ᠤᠶᠢᠯᠡᠰ ᠤᠨ | ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠲᠦᠯᠤᠪᠵᠢᠬᠦᠯᠬᠡ︾ ᠳᠤᠰ ᠪᠦᠷᠢ ᠤᠯᠤᠰ ᠤᠨ ᠬᠦᠭᠵᠢᠬᠦᠯᠤᠯᠳᠠ | ᠦᠬᠡᠷᠡᠴᠢᠠᠯᠯᠳᠠ ᠶᠢᠨ ᠵᠦᠪᠯᠡᠯ ᠪᠠ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠤᠯᠳᠠ ᠦᠬᠡᠷᠡᠴᠢᠯᠠᠯᠳᠠ ᠶᠢᠨ | ᠵᠦᠪᠯᠡᠯ ᠤᠨ ᠴᠤᠬᠤᠯᠠᠪᠤᠷᠢᠯᠠᠯ ᠢ ᠤᠯᠵᠤ᠂ ︽ᠱᠠᠩᠬᠠᠢ ᠶᠢᠨ ᠰᠦᠮ᠎ᠠ ᠶᠢᠨ ᠠᠭᠤᠷᠬᠠᠢ ᠶᠢᠨ ᠤᠷᠤᠨ ᠤ ᠠᠭᠤᠷᠬᠠᠢ | ᠶᠢᠨ ᠡᠷᠬᠡ ᠶᠢᠨ ᠳᠤᠬᠢᠷᠠᠭᠤᠯᠤᠯᠳᠠ ᠶᠢᠨ ᠲᠦᠰᠤᠪ︾ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ | ᠴᠤᠬᠤᠯᠠᠪᠤᠷᠢᠯᠠᠯ ᠢ ᠤᠯᠪᠠ᠃ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ ᠰᠠᠭᠤᠷᠢᠨ | ᠪᠦᠬᠦ ᠳᠠᠯ᠎ᠠ ᠶᠢᠨ ᠬᠦᠭᠵᠢᠯᠳᠠ ᠶᠢᠨ ᠰᠢᠨ᠎ᠠ ᠱᠠᠳᠤᠨ ᠳᠤ ᠳᠠᠪᠰᠢᠪᠠ᠃ | ︵ᠬᠤᠶᠠᠷ︶ ᠬᠤᠳᠠ ᠬᠦᠳᠡᠭᠡ ᠶᠢ ᠨᠢᠬᠡᠳᠤᠯᠳᠠᠢ ᠲᠦᠯᠤᠪᠵᠢᠬᠦᠯᠬᠦ ᠳᠤᠷᠰᠢᠯᠳᠠ ᠶᠢᠨ ᠴᠡᠭ ᠤᠨ | ᠪᠠᠶᠢᠭᠤᠯᠤᠯᠳᠠ ᠶᠢᠨ ᠪᠦᠳᠤᠮᠵᠢ ᠢᠯᠡᠤᠨᠳᠠ ᠪᠤᠯᠪᠠ᠃ ᠳᠤᠷᠰᠢᠯᠳᠠ ᠶᠢᠨ ᠴᠡᠭ ᠤᠨ ᠪᠠᠶᠢᠭᠤᠯᠤᠯᠳᠠ ᠶᠢᠨ 65 | ᠲᠦᠷᠤᠯ ᠵᠦᠢᠯ ᠢ ᠬᠡᠷᠡᠭᠵᠢᠬᠦᠯᠵᠤ᠂ 21 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ᠃ ᠭᠤᠤᠯᠳᠠᠯᠭᠠᠳᠤ | ᠬᠤᠳᠠ ᠪᠠᠯᠭᠠᠰᠤ ᠶᠢᠨ ᠳᠠᠶᠢᠴᠢᠯᠠᠬᠤ ᠴᠢᠳᠠᠪᠤᠷᠢ ᠳᠠᠰᠤᠷᠠᠯᠳᠠ ᠦᠬᠡᠢ ᠳᠡᠬᠡᠭᠰᠢᠯᠡᠵᠤ᠂ 1035 ᠲᠦᠬᠦᠷ | ᠰᠢᠯᠵᠢᠭᠰᠡᠨ ᠮᠠᠯᠴᠢᠨ ᠲᠠᠷᠢᠶᠠᠴᠢᠳ ᠤᠨ ᠤᠷᠤᠨ ᠰᠠᠭᠤᠴᠠ ᠪᠠᠶᠢᠭᠤᠯᠤᠨ᠂ ᠱᠠᠩᠬᠠᠢ ᠶᠢᠨ ᠰᠦᠮ᠎ᠠ ᠶᠢᠨ ᠤᠶᠢᠯᠡᠰ | ᠪᠦᠳᠤᠬᠡᠨ ᠠᠵᠢᠯ ᠤᠯᠭᠤᠬᠤ ᠵᠠᠬ᠎ᠠ ᠳᠡᠯᠬᠡᠬᠦᠷ᠂ ᠤᠯᠵᠠᠴᠢ ᠶᠢᠨ ᠮᠠᠯ ᠳᠠᠷᠢᠶᠠᠯᠠᠩ ᠤᠨ ᠵᠠᠬ᠎ᠠ ᠳᠡᠯᠬᠡᠬᠦᠷ ᠵᠡᠷᠬᠡ ᠨᠢᠬᠡ | ᠪᠦᠯᠦᠭ ᠤᠶᠢᠯᠡᠰ ᠪᠦᠳᠤᠬᠡᠨ ᠠᠵᠢᠯ ᠤᠯᠭᠤᠬᠤ ᠳᠡᠪᠴᠡᠩ ᠪᠠᠶᠢᠭᠤᠯᠪᠠ᠃ ᠤᠯᠵᠠᠴᠢ ᠶᠢᠨ ᠳᠤᠯᠤᠨ ᠵᠠᠮ ᠤᠨ | ᠦᠬᠡᠷᠡᠴᠢᠯᠠᠯᠳᠠ ᠶᠢ ᠪᠦᠬᠦ ᠳᠠᠯ᠎ᠠ ᠪᠠᠷ ᠪᠡᠶᠡᠯᠡᠬᠦᠯᠵᠤ᠂ ᠭᠤᠯᠤᠮᠳᠠ ᠭᠠᠯ ᠰᠤᠶᠤᠯ ᠤᠨ ᠴᠡᠴᠡᠷᠯᠢᠭ᠂ ᠰᠦᠯᠳᠠ | ᠴᠡᠴᠡᠷᠯᠢᠭ ᠢ ᠬᠡᠷᠡᠭᠯᠠᠯᠳᠠ ᠳᠤ ᠤᠷᠤᠭᠤᠯᠵᠤ᠂ ᠪᠠᠶᠢᠭᠤᠯᠤᠭᠰᠡᠨ ᠤᠷᠤᠨ ᠤ ᠴᠡᠴᠡᠷᠯᠢᠭᠵᠢᠬᠦᠯᠥᠯᠲᠡ ᠶᠢᠨ ᠳᠠᠯᠠᠪᠠᠢ | 310 ᠲᠦᠮᠡᠨ ᠳᠡᠭᠰᠢ ᠲᠦᠷᠪᠠᠯᠵᠢᠨ ᠮᠧᠲᠷ ᠬᠦᠷᠴᠤ᠂ ᠴᠡᠴᠡᠷᠯᠢᠭᠵᠢᠬᠦᠯᠥᠯᠲᠡ ᠶᠢᠨ ᠨᠤᠷᠮ᠎ᠠ 38% ᠬᠦᠷᠴᠤ᠂ | ᠬᠦᠮᠤᠨ ᠳᠤᠮᠳᠠᠴᠢ ᠶᠢᠨ ᠴᠡᠴᠡᠷᠯᠢᠭᠵᠢᠬᠦᠯᠬᠡ ᠨᠤᠭᠤᠭᠠᠵᠢᠭᠤᠯᠤᠯᠳᠠ 30 ᠳᠡᠭᠰᠢ ᠲᠦᠷᠪᠠᠯᠵᠢᠨ ᠮᠧᠲᠷ ᠬᠦᠷᠪᠠ︔ | ᠱᠠᠩᠬᠠᠢ ᠶᠢᠨ ᠰᠦᠮ᠎ᠠ ᠪᠠᠯᠭᠠᠰᠤ 38 ᠲᠦᠮᠡᠨ ᠳᠡᠭᠰᠢ ᠲᠦᠷᠪᠠᠯᠵᠢᠨ ᠮᠧᠲᠷ ᠤᠨ ᠨᠤᠭᠤᠭᠠᠵᠢᠭᠤᠯᠤᠯᠳᠠ ᠶᠢ | ᠪᠡᠶᠡᠯᠡᠬᠦᠯᠵᠤ᠂ ᠰᠠᠭᠤᠭᠠᠯᠢ ᠠᠷᠠᠤᠨ ᠤᠨ ᠳᠤᠭᠤᠷᠢᠭ 6 ᠨᠡᠮᠡᠵᠤ᠂ ᠭᠤᠷᠪᠠᠳᠤᠭᠠᠷ ᠠᠵᠤ ᠤᠶᠢᠯᠡᠰ ᠤᠨ | ᠤᠶᠢᠯᠡᠴᠢᠯᠡᠬᠡᠨ ᠤ ᠭᠠᠵᠠᠷ 134 ᠬᠦᠭᠵᠢᠬᠦᠯᠥᠨ᠂ ᠪᠠᠯᠭᠠᠰᠤᠨ ᠳᠤᠭᠤᠷᠢᠭ ᠲᠤ ᠨᠠᠶᠢᠳᠠ ᠶᠢᠨ ᠮᠠᠰᠢᠨ ᠳᠡᠷᠬᠡ | ᠨᠡᠪᠳᠡᠷᠡᠬᠦᠯᠵᠤ᠂ ᠬᠦᠮᠤᠨ ᠠᠮᠠ 28000 ᠭᠠᠷᠤᠢ ᠪᠤᠯᠵᠤ᠂ ︽ᠤᠯᠤᠰ ᠤᠨ ᠡᠷᠡᠬᠦᠯ ᠬᠠᠮᠠᠭᠠᠯᠠᠯ ᠤᠨ ᠪᠠᠯᠭᠠᠰᠤ︾ | ᠪᠠᠷ ᠦᠨᠡᠯᠡᠭᠳᠡᠪᠠ᠃ ᠴᠤᠭᠯᠠᠭ᠎ᠠ ᠪᠠᠯᠭᠠᠰᠤ ᠶᠢᠨ ᠪᠠᠶᠢᠭᠤᠯᠤᠯᠳᠠ ᠪᠦᠬᠦ ᠬᠤᠳᠠ ᠶᠢᠨ ᠳᠡᠷᠢᠬᠦᠨ ᠤ ᠡᠩᠨᠡᠬᠡᠨ ᠳᠤ | ᠤᠷᠤᠵᠤ᠂ ︽ᠵᠢᠵᠢᠭ᠂ ᠨᠠᠷᠢᠯᠢᠭ᠂ ᠭᠤᠶᠤ︾ ᠵᠢᠵᠢᠭ ᠬᠤᠳᠠ ᠪᠠᠯᠭᠠᠰᠤᠨ ᠤ ᠲᠦᠯᠤᠪᠨᠢᠬᠡᠨᠳᠠ ᠪᠦᠷᠢᠯᠳᠤᠵᠤ᠂ | ᠨᠠᠶᠢᠳᠠ ᠶᠢᠨ ᠤᠶᠢᠯᠡᠴᠢᠯᠡᠬᠡᠨ ᠤ ᠴᠢᠳᠠᠪᠬᠢ ᠢᠯᠡᠤᠨᠳᠠ ᠴᠢᠩᠭᠠᠳᠤᠨ᠂ ᠰᠢᠨ᠎ᠠ ᠲᠦᠷᠢ ᠲᠦᠷᠬᠦ᠂ ᠰᠢᠨ᠎ᠠ ᠠᠮᠢᠵᠢᠷᠠᠯ | ᠤᠨ ᠬᠦᠴᠤᠨ ᠢᠯᠡᠷᠡᠪᠠ᠃ ᠮᠠᠯᠵᠢᠬᠤ ᠳᠠᠷᠢᠶᠠᠯᠠᠬᠤ ᠤᠷᠤᠨ ᠤ ᠤᠶᠢᠯᠡᠤᠨᠪᠤᠷᠢᠯᠡᠯ ᠠᠮᠢᠳᠤᠷᠠᠯ ᠤᠨ ᠨᠦᠬᠦᠴᠡᠯ | ᠠᠯᠬᠤᠮ ᠠᠯᠬᠤᠮ ᠢᠶᠠᠷ ᠰᠠᠶᠢᠵᠢᠷᠠᠵᠤ᠂ 7 ᠰᠢᠨ᠎ᠠ ᠮᠠᠶ᠋ᠢᠭ ᠤᠨ ᠠᠶᠢᠯ ᠳᠤᠰᠬᠤᠨ ᠪᠠ ᠰᠠᠭᠤᠭᠠᠯᠢ ᠠᠷᠠᠤᠨ ᠤᠨ | ᠴᠡᠭ᠂ 200 ᠡᠷᠤᠬᠡ ᠤᠳᠤᠬᠢᠴᠢᠯᠠᠭᠰᠡᠨ ᠬᠡᠷ ᠪᠦᠯᠢ ᠶᠢᠨ ᠳᠠᠷᠢᠶᠠᠯᠠᠩ ᠮᠠᠯᠵᠢᠯ ᠤᠨ ᠳᠠᠯᠠᠪᠠᠢ ᠪᠠᠶᠢᠭᠤᠯᠵᠤ᠂ | ᠳᠠᠭᠤᠷᠢᠶᠠᠯ ᠦᠵᠡᠬᠦᠯᠤᠨ ᠳᠠᠶᠢᠴᠢᠯᠠᠬᠤ ᠪᠦᠳᠤᠮᠵᠢ ᠪᠦᠷᠢᠯᠳᠤᠪᠠ︔ 1.5 ᠲᠦᠮᠡᠨ ᠮᠤ᠋ ᠤᠳᠤᠬᠢᠴᠢᠯᠠᠭᠰᠡᠨ | ᠳᠠᠷᠢᠶᠠᠯᠠᠩ ᠤᠨ ᠰᠠᠭᠤᠷᠢᠨ ᠭᠠᠵᠠᠷ᠂ 5 ᠲᠦᠮᠡᠨ ᠮᠤ᠋ ᠡᠪᠡᠰᠤ ᠪᠤᠷᠳᠤᠭᠠᠨ ᠤ ᠰᠠᠭᠤᠷᠢᠨ ᠭᠠᠵᠠᠷ᠂ 3 ᠠᠯᠠᠰᠢᠨ | ᠮᠠᠯ ᠳᠡᠵᠢᠬᠡᠨ ᠦᠷᠡᠵᠢᠬᠦᠯᠬᠦ ᠬᠦᠷᠢᠶᠠᠯᠠᠩ ᠢ ᠰᠢᠨ᠎ᠠ ᠪᠠᠶᠢᠭᠤᠯᠵᠤ᠂ 74 ᠰᠠᠭᠤᠷᠢ ︵ᠲᠦᠬᠦᠷ︶ ᠳᠤᠮᠤ ᠬᠡᠯᠪᠡᠷᠢ | ᠶᠢᠨ ᠰᠦᠷᠴᠢᠨ ᠤᠰᠤᠯᠠᠬᠤ ᠮᠠᠰᠢᠨ ᠲᠦᠬᠦᠷᠴᠢᠯᠡᠵᠤ᠂ 1194 ᠰᠠᠭᠤᠷᠢ ︵ᠲᠦᠬᠦᠷ︶ ᠳᠠᠷᠢᠶᠠᠯᠠᠩ ᠤᠨ ᠮᠠᠰᠢᠨ | ᠲᠦᠬᠦᠬᠡᠷᠤᠮᠵᠢ ᠳᠤᠬᠢᠷᠠᠭᠤᠯᠪᠠ︔ ᠳᠠᠬᠢᠯᠳᠤ ᠶᠢᠨ ᠮᠠᠯ ᠤᠨ ᠵᠠᠬ᠎ᠠ ᠶᠢᠨ ᠨᠦᠯᠤᠬᠡᠯᠡᠬᠦ ᠬᠦᠴᠤᠨ ᠳᠠᠰᠤᠷᠠᠯᠳᠠ ᠦᠬᠡᠢ | ᠦᠷᠬᠡᠤᠨᠴᠤ᠂ ᠨᠠᠩᠰᠤ᠂ ᠪᠤᠷᠤᠪᠠᠯᠭᠠᠰᠤ ᠶᠢᠨ ᠮᠠᠯ ᠳᠠᠷᠢᠶᠠᠯᠠᠩ ᠤᠨ ᠪᠦᠳᠤᠬᠡᠭᠳᠡᠬᠦᠨ ᠤ ᠠᠷᠠᠯᠵᠢᠶᠠᠨ ᠤ ᠵᠠᠬ᠎ᠠ | ᠳᠡᠯᠬᠡᠬᠦᠷ ᠢ ᠬᠡᠷᠡᠭᠯᠡᠯᠳᠠ ᠳᠤ ᠤᠷᠤᠭᠤᠯᠵᠤ᠂ ᠯᠠᠵᠤᠤ᠂ ᠲᠦᠮᠤᠰᠤ ᠵᠡᠷᠬᠡ ᠤᠨᠴᠠᠯᠢᠭᠳᠤ ᠳᠠᠷᠢᠶᠠᠯᠠᠩ ᠤᠨ | ᠪᠦᠳᠤᠬᠡᠭᠳᠡᠬᠦᠨ ᠤ ᠦᠷᠳᠡᠭ 4 ᠳ᠋ᠦᠩᠰᠢᠭᠤᠷ ᠲᠦᠬᠦᠷᠢᠭ ᠢ ᠳᠠᠪᠠᠵᠤ᠂ ᠮᠠᠯ ᠤᠨ ᠳᠤᠭ᠎ᠠ ᠳᠤᠯᠤᠭᠠᠢ 226 ᠲᠦᠮᠡ | ᠳᠤ ᠬᠦᠷᠴᠤ᠂ 156 ᠲᠦᠮᠡᠨ ᠮᠠᠯ ᠠᠷᠠᠯᠵᠢᠶᠠᠯᠠᠨ᠂ ᠠᠷᠠᠯᠵᠢᠶᠠᠨ ᠤ ᠦᠷᠳᠡᠭ 16.4 ᠳ᠋ᠦᠩᠰᠢᠭᠤᠷ ᠲᠦᠬᠦᠷᠢᠭ | ᠲᠤ ᠬᠦᠷᠪᠠ᠃ | ︵ᠭᠤᠷᠪᠠ︶ ᠠᠷᠠᠤᠨ ᠤᠨ ᠠᠮᠢᠳᠤᠷᠠᠯ ᠤᠨ ᠪᠠᠳᠤᠯᠠᠭ᠎ᠠ ᠶᠢᠨ ᠲᠦᠪᠰᠢᠨ ᠦᠷᠬᠦᠯᠵᠢᠯᠠᠨ ᠳᠡᠬᠡᠭᠰᠢᠯᠡᠪᠠ᠃ | ᠠᠷᠠᠤᠨ ᠤᠨ ᠠᠮᠢᠳᠤᠷᠠᠯ ᠳᠤ 19.08 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠨᠠᠶᠢᠳᠠ ᠶᠢᠨ ᠡᠳ᠋ ᠤᠨ ᠵᠠᠰᠠᠭ | ᠤᠨ ᠲᠦᠰᠤᠪ ᠤᠨ ᠵᠠᠷᠤᠯᠭ᠎ᠠ ᠶᠢᠨ 72% ᠶᠢ ᠡᠵᠡᠯᠡᠬᠦᠯᠪᠡ᠃ ᠠᠵᠢᠯ ᠤᠯᠭᠤᠨ ᠠᠷᠠᠤᠨ ᠢ ᠬᠠᠷᠠᠭᠠᠯᠵᠠᠬᠤ᠃ | ᠠᠵᠢᠯ ᠮᠡᠷᠬᠡᠵᠢᠯ ᠤᠨ ᠪᠤᠯᠪᠠᠰᠤᠷᠠᠭᠤᠯᠤᠯᠳᠠ ᠶᠢ ᠴᠢᠩᠭᠠᠤᠨᠬᠠᠵᠤ᠂ 2650 ᠰᠢᠯᠵᠢᠭᠰᠡᠨ ᠮᠠᠯᠴᠢᠨ ᠳᠠᠷᠢᠶᠠᠴᠢᠨ ᠢ | ᠪᠤᠯᠪᠠᠰᠤᠷᠠᠭᠤᠯᠤᠨ᠂ ᠤᠶᠢᠯᠡᠰ ᠪᠦᠳᠤᠬᠡᠨ ᠠᠵᠢᠯ ᠤᠯᠭᠤᠬᠤ ᠪᠠᠭ᠎ᠠ ᠳᠤᠭᠠᠳᠤ ᠳᠠᠭᠠᠭᠠᠯᠳᠠ ᠵᠢᠬᠡᠯᠡᠯᠬᠡ ᠶᠢ 2800 | ᠲᠦᠮᠡᠨ ᠲᠦᠬᠦᠷᠢᠭ ᠳᠠᠯᠪᠢᠵᠤ᠂ ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ ᠶᠢ 1. | 89% ᠳᠤᠳᠤᠷ᠎ᠠ ᠬᠢᠵᠠᠭᠠᠷᠯᠠᠪᠠ᠃ ᠰᠤᠷᠭᠠᠨ ᠬᠦᠮᠤᠵᠢᠯ ᠢᠶᠠᠷ ᠠᠷᠠᠤᠨ ᠢ ᠬᠠᠷᠠᠭᠠᠯᠵᠠᠬᠤ᠃ 3.12 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠨ᠂ 11 ᠰᠠᠭᠤᠷᠢ ᠳᠤᠮᠳᠠᠳᠤ ᠪᠠᠭ᠎ᠠ ᠰᠤᠷᠭᠠᠭᠤᠯᠢ᠂ ᠬᠡᠤᠬᠡᠤᠨ ᠤᠨ ᠴᠡᠴᠡᠷᠯᠢᠭ | ᠤᠨ ᠦᠬᠡᠷᠡᠴᠢᠯᠠᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠪᠤᠷᠤᠪᠠᠯᠭᠠᠰᠤ ᠪᠠᠭ᠎ᠠ ᠰᠤᠷᠭᠠᠭᠤᠯᠢ᠂ ᠰᠤᠷᠭᠠᠨ | ᠬᠦᠮᠤᠵᠢᠯ ᠤᠨ ᠴᠡᠴᠡᠷᠯᠢᠭ ᠪᠠ ᠳᠡᠬᠢᠯᠳᠤ ᠶᠢᠨ ᠬᠡᠤᠬᠡᠤᠨ ᠤᠨ ᠴᠡᠴᠡᠷᠯᠢᠭ ᠢ ᠪᠠᠶᠢᠭᠤᠯᠤᠨ᠂ ᠰᠢᠨ᠎ᠠ ᠰᠤᠷᠣᠯᠭ᠎ᠠ ᠶᠢᠨ | ᠬᠤᠭᠤᠴᠠᠭᠠᠨ ᠳᠤ ᠠᠰᠢᠭᠯᠠᠯᠳᠠ ᠳᠤ ᠤᠷᠤᠭᠤᠯᠬᠤ ᠪᠤᠯᠪᠠ᠃ ᠱᠠᠩᠬᠠᠢ ᠶᠢᠨ ᠰᠦᠮ᠎ᠠ ᠰᠤᠷᠭᠠᠭᠤᠯᠢ ᠳᠤ ᠳᠡᠬᠡᠳᠤ | ᠳᠤᠮᠳᠠᠳᠤ ᠳᠤᠬᠢᠷᠠᠭᠤᠯᠪᠠ᠃ 1091 ᠲᠦᠮᠡᠨ ᠲᠦᠬᠦᠷᠢᠭ ᠤᠨ ᠰᠤᠷᠭᠠᠨ ᠬᠦᠮᠤᠵᠢᠯ ᠤᠨ ᠡᠯ᠎ᠡ ᠵᠦᠢᠯ ᠤᠨ | ᠨᠦᠬᠦᠪᠤᠷᠢ ᠮᠦᠩᠬᠦ ᠶᠢ ᠪᠤᠳᠠᠳᠠᠶᠢᠵᠢᠭᠤᠯᠵᠤ᠂ ᠬᠦᠴᠢᠷᠳᠠᠯ ᠲᠠᠢ ᠤᠶᠤᠳᠠᠳ ᠲᠤ 391 ᠲᠦᠮᠡᠨ ᠲᠦᠬᠦᠷᠢᠭ ᠤᠨ | ᠡᠯ᠎ᠡ ᠵᠦᠢᠯ ᠤᠨ ᠨᠦᠬᠦᠪᠤᠷᠢ ᠮᠦᠩᠬᠦ ᠪᠠ ᠰᠤᠷᠤᠯᠭ᠎ᠠ ᠶᠢᠨ ᠳᠡᠤᠨᠬᠦᠮᠵᠢ ᠶᠢᠨ ᠵᠢᠬᠡᠯᠡᠯᠬᠡ ᠳᠠᠯᠪᠢᠵᠤ᠂ ᠮᠠᠯᠵᠢᠬᠤ | ᠳᠠᠷᠢᠶᠠᠯᠠᠬᠤ ᠤᠷᠤᠨ ᠤ ᠪᠠᠭᠰᠢ ᠨᠡᠷ ᠲᠤ ᠬᠦᠮᠤᠨ ᠳᠤᠳᠤᠮ ᠵᠢᠯ ᠪᠦᠷᠢ ᠲᠦᠮᠡᠨ ᠲᠦᠬᠦᠷᠢᠭ ᠤᠨ ᠨᠦᠬᠦᠪᠤᠷᠢ | ᠤᠯᠭᠤᠪᠠ᠃ ᠰᠢᠮ᠎ᠠ ᠳᠡᠵᠢᠬᠡᠯᠳᠤ ᠥᠷᠯᠥᠭᠡᠨ ᠤ ᠬᠤᠭᠤᠯᠠ ᠶᠢᠨ ᠢᠨᠵᠧᠨᠧᠷᠢᠩ ᠢ ᠪᠦᠬᠦ ᠳᠠᠯ᠎ᠠ ᠪᠠᠷ ᠬᠡᠷᠡᠭᠵᠢᠬᠦᠯᠵᠤ᠂ | 4000 ᠭᠠᠷᠤᠢ ᠪᠠᠭᠠᠴᠤᠤᠨ ᠬᠡᠤᠬᠡᠤᠨ ᠲᠤ ᠠᠰᠢᠭ ᠬᠦᠷᠳᠡᠬᠡᠪᠠ᠃ ᠡᠷᠡᠬᠦᠯ ᠬᠠᠮᠠᠭᠠᠯᠠᠯ ᠢᠶᠠᠷ ᠠᠷᠠᠤᠨ ᠢ | ᠬᠠᠷᠠᠭᠠᠯᠵᠠᠬᠤ᠃ ᠬᠤᠰᠢᠭᠤᠨ ᠤ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠠᠯᠳᠠ ᠶᠢᠨ ᠢᠨᠵᠧᠨᠧᠷᠢᠩ ᠢ ᠪᠡᠶᠡᠯᠡᠬᠦᠯᠵᠤ᠂ | ᠡᠮᠴᠢᠯᠡᠬᠦᠯᠬᠦ ᠤᠷᠴᠢᠨ ᠢ ᠪᠦᠬᠦ ᠳᠠᠯ᠎ᠠ ᠪᠠᠷ ᠰᠠᠶᠢᠵᠢᠷᠠᠭᠤᠯᠪᠠ᠃ ᠬᠦᠮᠤᠨ ᠠᠮᠠ ᠪᠠ ᠲᠦᠯᠤᠪᠯᠡᠬᠡᠳᠤ ᠬᠦᠩᠬᠡᠵᠢᠯ | ᠤᠨ ᠠᠵᠢᠯ ᠢ ᠴᠢᠩᠭᠠᠤᠨᠬᠠᠵᠤ᠂ ᠬᠦᠮᠤᠨ ᠠᠮᠠ ᠶᠢᠨ ᠲᠦᠷᠤᠯᠳᠠ ᠶᠢᠨ ᠨᠤᠷᠮ᠎ᠠ ᠶᠢ 11.78‰ ᠳᠤᠳᠤᠷ᠎ᠠ | ᠬᠢᠵᠠᠭᠠᠷᠯᠠᠪᠠ᠃ ᠨᠠᠶᠢᠬᠡᠮ ᠤᠨ ᠪᠠᠳᠤᠯᠠᠭ᠎ᠠ ᠪᠠᠷ ᠠᠷᠠᠤᠨ ᠢ ᠬᠠᠷᠠᠭᠠᠯᠵᠠᠬᠤ᠃ ᠠᠵᠤ ᠠᠬᠤᠶᠢᠯᠠᠯ ᠤᠨ ᠠᠵᠢᠯ ᠠᠴᠠ | ᠪᠠᠨ ᠠᠮᠠᠷᠠᠭᠰᠠᠤᠨ ᠤᠨ ᠨᠠᠰᠤᠵᠢᠯ ᠤᠨ ᠳᠠᠭᠠᠤᠨᠬᠠᠯ ᠢ ᠬᠦᠮᠤᠨ ᠳᠤᠳᠤᠮ ᠰᠠᠷ᠎ᠠ ᠪᠦᠷᠢ 161 ᠲᠦᠬᠦᠷᠢᠭ | ᠨᠡᠮᠡᠭᠳᠡᠬᠦᠯᠵᠤ᠂ ᠳᠤᠮᠳᠠᠴᠢ ᠪᠠᠷ 2038 ᠲᠦᠬᠦᠷᠢᠭ ᠲᠤ ᠬᠦᠷᠬᠡᠪᠠ᠃ ᠬᠤᠳᠠ ᠬᠦᠳᠡᠭᠡ ᠶᠢᠨ ᠰᠠᠭᠤᠭᠠᠯᠢ ᠠᠷᠠᠤᠨ | ᠤᠨ ᠨᠠᠰᠤᠵᠢᠯ ᠤᠨ ᠮᠦᠩᠬᠦ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠬᠦᠮᠤᠨ ᠳᠤᠳᠤᠮ ᠰᠠᠷ᠎ᠠ ᠪᠦᠷᠢ 550 | ᠲᠦᠬᠦᠷᠢᠭ ᠪᠠ 310 ᠲᠦᠬᠦᠷᠢᠭ ᠬᠦᠷᠭᠡᠵᠤ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ | ᠳᠡᠬᠡᠭᠰᠢᠯᠡᠬᠦᠯᠤᠬᠡᠤᠨ ᠬᠦᠮᠤᠨ ᠳᠤᠳᠤᠮ ᠰᠠᠷ᠎ᠠ ᠪᠦᠷᠢ 480 ᠲᠦᠬᠦᠷᠢᠭ ᠪᠠ 390 ᠲᠦᠬᠦᠷᠢᠭ ᠪᠤᠯᠭᠠᠪᠠ᠃ ᠰᠢᠨ᠎ᠠ | ᠮᠠᠶ᠋ᠢᠭ ᠤᠨ ᠬᠤᠷᠰᠢᠭᠰᠡᠨ ᠡᠮ ᠡᠮᠨᠡᠯᠬᠡ ᠪᠠ ᠬᠤᠳᠠᠯᠳᠤᠭᠠᠨ ᠤ ᠨᠦᠬᠦᠪᠤᠷᠢ ᠳᠠᠭᠠᠤᠨᠬᠠᠯ ᠢ ᠤᠶᠠᠯᠳᠤᠭᠤᠯᠬᠤ᠂ | ᠮᠠᠯᠴᠢᠨ ᠳᠠᠷᠢᠶᠠᠴᠢᠤᠨ ︽ᠤᠷᠢᠳ ᠢᠶᠠᠷ ᠡᠮᠴᠢᠯᠡᠬᠦᠯᠵᠤ᠂ ᠳᠠᠷᠠᠭ᠎ᠠ ᠨᠢ ᠵᠠᠷᠤᠳᠠᠯ ᠳᠤᠰᠢᠶᠠᠬᠤ︾ ᠴᠠᠭ ᠳᠤᠬᠠᠢ ᠳᠤ | ᠨᠢ ᠳᠤᠭᠠᠴᠠᠭ᠎ᠠ ᠬᠢᠬᠦ ᠶᠢ ᠪᠦᠬᠦ ᠬᠤᠳᠠ ᠳᠤ ᠪᠠᠨ ᠲᠥᠷᠥᠬᠦᠯᠡᠨ ᠬᠡᠷᠡᠭᠵᠢᠬᠦᠯᠪᠠ᠃ ᠬᠤᠳᠠ ᠬᠦᠳᠡᠭᠡ ᠶᠢᠨ | ᠰᠠᠭᠤᠭᠠᠯᠢ ᠠᠷᠠᠤᠨ ᠤᠨ ᠦᠨᠳᠤᠰᠤᠨ ᠡᠮᠴᠢᠯᠡᠬᠡᠨ ᠤ ᠳᠠᠭᠠᠤᠨᠬᠠᠯ ᠤᠨ ᠪᠦᠬᠦ ᠪᠦᠷᠬᠦᠴᠠ ᠶᠢ ᠪᠡᠶᠡᠯᠡᠬᠦᠯᠵᠤ᠂ ᠬᠦᠮᠤᠨ | ᠳᠤᠮᠳᠠᠴᠢ ᠶᠢᠨ ᠪᠡᠯᠡ ᠴᠤᠭᠯᠠᠭᠤᠯᠬᠤ ᠪᠠᠷᠢᠮᠵᠢᠶ᠎ᠠ ᠶᠢ 578 ᠲᠦᠬᠦᠷᠢᠭ ᠲᠤ ᠬᠦᠷᠬᠡᠵᠤ᠂ ᠳᠠᠩᠰᠠ ᠳᠠᠶᠢᠯᠠᠬᠤ | ᠬᠠᠮᠤᠭ ᠦᠨᠳᠤᠷ ᠪᠠᠷᠢᠮᠵᠢᠶ᠎ᠠ ᠶᠢ ᠳᠡᠬᠡᠭᠰᠢᠯᠡᠬᠦᠯᠤᠬᠡᠤᠨ 20 ᠲᠦᠮᠡᠨ ᠲᠦᠬᠦᠷᠢᠭ ᠬᠦᠷᠬᠡᠪᠠ᠃ ᠬᠤᠳᠠ ᠬᠦᠳᠡᠭᠡ | ᠶᠢᠨ ᠳᠤᠤᠷ᠎ᠠ ᠪᠠᠳᠤᠯᠠᠭᠠᠳᠤ ᠡᠷᠤᠬᠡ ᠶᠢᠨ ᠬᠦᠨᠳᠤ ᠡᠪᠡᠤᠨᠴᠢᠳᠠᠨ ᠤ ᠠᠪᠤᠷᠠᠨ ᠳᠤᠰᠠᠯᠠᠯᠳᠠ ᠶᠢ ᠨᠠᠶᠢᠬᠡᠮ ᠤᠨ | ᠪᠠᠳᠤᠯᠠᠭ᠎ᠠ᠂ ᠰᠢᠨ᠎ᠠ ᠮᠠᠶ᠋ᠢᠭ ᠤᠨ ᠬᠤᠷᠰᠢᠭᠰᠡᠨ ᠡᠮ ᠡᠮᠨᠡᠯᠬᠡ ᠶᠢᠨ ᠳᠠᠭᠠᠤᠨᠬᠠᠯ ᠤᠨ ᠰᠠᠭᠤᠷᠢᠨ ᠳᠡᠬᠡᠷ᠎ᠠ 20% | ᠪᠠᠷ ᠨᠡᠮᠡᠭᠳᠡᠬᠦᠯᠪᠠ᠃ ᠤᠷᠤᠨ ᠰᠠᠭᠤᠴᠠ ᠪᠠᠷ ᠠᠷᠠᠤᠨ ᠢ ᠬᠠᠷᠠᠭᠠᠯᠵᠠᠬᠤ᠃ 1322 ᠲᠦᠬᠦᠷ ᠡᠯ᠎ᠡ ᠲᠦᠷᠤᠯ ᠤᠨ | ᠪᠠᠳᠤᠯᠠᠭ᠎ᠠ ᠶᠢᠨ ᠤᠷᠤᠨ ᠰᠠᠭᠤᠴᠠ ᠶᠢ ᠡᠬᠢᠯᠡᠨ ᠪᠠᠶᠢᠭᠤᠯᠵᠤ᠂ ᠡᠬᠦᠨ ᠳᠤ 504 ᠲᠦᠬᠦᠷ ᠬᠢᠮᠳᠠ ᠲᠦᠷᠢᠶᠡᠰᠤᠨ | ᠬᠡᠷ ᠲᠤ ᠠᠶᠢᠯ ᠡᠷᠤᠬᠡ ᠰᠠᠭᠤᠷᠢᠰᠢᠪᠠ︔ ᠬᠤᠳᠠ ᠠᠴᠠ ᠳᠤᠭᠳᠠᠭᠠᠭᠰᠡᠨ 300 ᠡᠷᠤᠬᠡ ᠮᠠᠯᠵᠢᠬᠤ ᠳᠠᠷᠢᠶᠠᠯᠠᠬᠤ | ᠤᠷᠤᠨ ᠤ ᠠᠶᠤᠯᠳᠠᠢ ᠬᠡᠷ ᠪᠠᠶᠢᠰᠢᠩ ᠢ ᠦᠬᠡᠷᠡᠴᠢᠯᠠᠨ ᠵᠠᠰᠠᠬᠤ ᠡᠬᠦᠷᠬᠡ ᠶᠢ ᠪᠦᠬᠦ ᠳᠠᠯ᠎ᠠ ᠪᠠᠷ ᠪᠡᠶᠡᠯᠡᠬᠦᠯᠦᠭᠰᠡᠨ | ᠰᠠᠭᠤᠷᠢᠨ ᠳᠡᠬᠡᠷ᠎ᠠ᠂ ᠵᠠᠰᠠᠭ ᠤᠨ ᠤᠷᠳᠤᠨ ᠠᠴᠠ ᠨᠦᠬᠦᠪᠤᠷᠢᠯᠠᠨ᠂ ᠠᠵᠤ ᠠᠬᠤᠶᠢᠯᠠᠯ ᠳᠠᠮᠵᠢᠵᠤ᠂ ᠤᠯᠠᠨ ᠲᠦᠮᠡᠨ | ᠦᠪᠡᠷᠳᠡᠬᠡᠨ ᠬᠤᠷᠠᠮᠳᠤᠭᠤᠯᠬᠤ ᠠᠷᠭ᠎ᠠ ᠪᠠᠷ 176 ᠤᠨᠴᠠ ᠬᠦᠴᠢᠷᠳᠠᠯ ᠲᠠᠢ ᠬᠡᠷ ᠪᠦᠯᠢ ᠶᠢᠨ ᠠᠶᠤᠯᠳᠠᠢ | ᠬᠠᠭᠤᠴᠢᠨ ᠬᠡᠷ ᠢ ᠦᠬᠡᠷᠡᠴᠢᠯᠠᠨ ᠵᠠᠰᠠᠪᠠ᠃ ᠰᠢᠨᠵᠢᠯᠡᠭᠡ ᠮᠡᠷᠬᠡᠵᠢᠯ ᠢᠶᠠᠷ ᠠᠷᠠᠤᠨ ᠢ ᠬᠠᠷᠠᠭᠠᠯᠵᠠᠬᠤ᠃ ︽ᠴᠠᠬᠢᠷᠮ᠎ᠠ | ᠴᠢᠳᠠᠪᠤᠷᠢᠳᠠᠨ︾ ᠤ ᠨᠡᠷᠡᠳᠤ ᠳᠡᠮᠳᠡᠭ ᠤᠨ ᠪᠠᠶᠢᠯᠳᠤᠬᠤ ᠪᠤᠳᠤᠯᠭ᠎ᠠ ᠶᠢ ᠬᠦᠨᠵᠡᠬᠡᠢ ᠠᠬᠢᠭᠤᠯᠵᠤ᠂ 325 ᠳᠤᠰᠬᠠᠢ | ᠮᠡᠷᠬᠡᠵᠢᠯ ᠤᠨ ᠴᠢᠳᠠᠪᠤᠷᠢᠳᠠᠨ᠂ 43 ᠳᠡᠬᠡᠳᠤ ᠳᠡᠰ ᠤᠨ ᠴᠢᠳᠠᠪᠤᠷᠢᠳᠠᠨ ᠢ ᠤᠷᠢᠨ ᠠᠪᠴᠢᠷᠠᠵᠤ᠂ 5 ᠴᠢᠳᠠᠪᠤᠷᠢᠳᠠᠨ | ᠤ ᠡᠩᠨᠡᠭᠡ ᠪᠥᠷᠢᠯᠳᠤᠬᠦᠯᠥᠨ᠂ 2 ᠴᠢᠳᠠᠪᠤᠷᠢᠳᠠᠨ ᠤ ᠰᠠᠭᠤᠷᠢᠨ ᠭᠠᠵᠠᠷ ᠢ ᠪᠠᠶᠢᠭᠤᠯᠵᠤ᠂ 4 ᠲᠦᠷᠤᠯ ᠤᠨ ᠤᠯᠤᠰ | ᠤᠨ ᠳᠤᠰᠬᠠᠢ ᠠᠰᠢᠭ ᠢ ᠬᠦᠷᠳᠡᠪᠠ᠃ ︽ᠪᠦᠬᠦ ᠤᠯᠤᠰ ᠤᠨ ᠰᠢᠨᠵᠢᠯᠡᠭᠡ ᠮᠡᠷᠬᠡᠵᠢᠯ ᠤᠨ ᠳᠠᠪᠰᠢᠯᠳᠠ ᠶᠢᠨ ᠬᠢᠨᠠᠨ | ᠰᠢᠯᠭᠠᠭᠤᠷᠠᠭᠤᠯᠤᠯᠳᠠ ᠶᠢᠨ ᠳᠡᠷᠢᠬᠦᠨ ᠤ ᠬᠤᠰᠢᠭᠤ ᠰᠢᠶᠠᠨ︾ ᠤ ᠨᠡᠷᠡᠶᠢᠳᠤᠯ ᠢ ᠤᠯᠪᠠ᠃ ᠰᠤᠶᠤᠯ ᠢᠶᠠᠷ ᠠᠷᠠᠤᠨ ᠢ | ᠬᠠᠷᠠᠭᠠᠯᠵᠠᠬᠤ᠃ ᠬᠤᠳᠠ ᠬᠦᠳᠡᠭᠡ ᠶᠢᠨ ᠰᠤᠶᠤᠯ ᠤᠨ ᠲᠦᠪ ᠢ 4 ᠪᠠᠶᠢᠭᠤᠯᠵᠤ᠂ ᠪᠦᠬᠦ ᠤᠯᠤᠰ ᠤᠨ ︽ᠰᠦ ᠤᠨ | ᠰᠠᠴᠤᠯᠢ︾ ᠮᠠᠯᠴᠢᠤᠨ ᠤᠨ ᠵᠤᠬᠢᠶᠠᠯ ᠪᠦᠳᠤᠬᠡᠯ ᠤᠨ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠨ᠂ ᠤᠯᠠᠨ | ᠲᠦᠮᠡᠨᠴᠢ ᠰᠤᠶᠤᠯ ᠤᠨ ᠠᠵᠢᠯᠯᠠᠭ᠎ᠠ ᠬᠦᠭᠵᠢᠶᠠᠨ ᠲᠠᠢ ᠪᠤᠯᠵᠤ᠂ ᠤᠳᠤᠭ ᠤᠨ ᠡᠮᠤᠨᠡᠳᠤ ᠬᠤᠰᠢᠭᠤᠨ ᠤ ᠷᠠᠳᠢᠤ᠋ | ᠨᠡᠪᠳᠡᠷᠡᠬᠦᠯᠬᠡ ᠶᠢᠨ ᠬᠤᠷᠢᠶᠠᠨ ᠤ ᠰᠡᠯᠬᠦᠬᠡ ᠳᠠᠪᠳᠠᠮᠵᠢᠳᠤ ᠷᠠᠳᠢᠤ᠋ ᠵᠢᠩᠬᠢᠨᠢ ᠪᠠᠷ ᠨᠡᠪᠳᠡᠷᠡᠬᠦᠯᠬᠡ ᠡᠬᠢᠯᠡᠨ᠂ ᠲᠦᠪ | ᠲᠧᠯᠸᠢᠰ ᠤᠨ ᠳᠤᠯᠤᠳᠤᠭᠠᠷ ᠰᠤᠪᠠᠭ ᠤᠨ ︽ᠪᠤᠯᠵᠤᠭ᠎ᠠ︾ ᠳᠡᠯᠬᠡᠴᠠ ᠤᠳᠤᠭ ᠤᠨ ᠡᠮᠤᠨᠡᠳᠤ ᠬᠤᠰᠢᠭᠤᠨ ᠳᠤ | ᠠᠬᠤᠢ ᠳᠠᠯᠠᠪᠠᠢ ᠶᠢᠨ ᠫᠷᠦᠭᠷᠠᠮ ᠤᠶᠢᠯᠡᠤᠨᠴᠤ᠂ ᠰᠢᠨ᠎ᠠ ᠵᠢᠯ ᠤᠨ ᠦᠨᠳᠤᠰᠤᠳᠠᠨ ᠤ ᠳᠠᠭᠤᠤ ᠬᠦᠭᠵᠢᠮ ᠤᠨ | ᠴᠢᠭᠤᠯᠭᠠᠨ ᠵᠡᠷᠬᠡ ᠡᠷᠬᠢᠮᠰᠦᠭ ᠤᠤᠠᠬ᠎ᠠ ᠤᠷᠠᠯᠢᠭ ᠠᠷᠠᠤᠨ ᠤᠨ ᠠᠮᠢᠳᠤᠷᠠᠯ ᠳᠤ ᠢᠯᠡᠷᠡᠨ᠂ ᠤᠯᠤᠰ ᠤᠨ ᠨᠠᠶᠢᠳᠠ | ᠶᠢᠨ ᠰᠤᠶᠤᠯ ᠤᠶᠢᠯᠡᠴᠢᠯᠡᠬᠡᠨ ᠤ ᠰᠢᠰᠲ᠋ᠧᠮ ᠤᠨ ᠳᠠᠭᠤᠷᠢᠶᠠᠯ ᠤᠷᠤᠨ ᠤ ᠰᠢᠯᠭᠠᠨ ᠪᠠᠶᠢᠴᠠᠭᠠᠯᠳᠠ ᠶᠢ ᠪᠦᠳᠤᠮᠵᠢᠳᠠᠢ | ᠳᠤᠭᠤᠯᠪᠠ᠃ ᠰᠠᠭᠤᠷᠢ ᠲᠦᠬᠦᠬᠡᠷᠤᠮᠵᠢ ᠪᠠᠷ ᠠᠷᠠᠤᠨ ᠢ ᠬᠠᠷᠠᠭᠠᠯᠵᠠᠬᠤ᠃ ᠬᠡᠴᠡᠬᠦᠤ ᠶᠢᠨ ᠡᠷᠢᠶᠠᠨ᠂ ᠠᠷᠠᠯᠠᠢ᠂ ᠶᠡᠭᠡ | ᠳᠤᠬᠤᠢ ᠶᠢᠨ 67 ᠺᠢᠯᠤᠮᠧᠲᠷ ᠳᠤᠰᠬᠤᠨ ᠳᠤ ᠨᠡᠪᠳᠡᠷᠡᠬᠦ ᠴᠠᠷᠳᠠᠮᠠᠯ ᠵᠠᠮ ᠳᠡᠷᠬᠡ ᠨᠡᠪᠳᠡᠷᠡᠪᠠ᠃ 1717 | ᠺᠢᠯᠤᠮᠧᠲᠷ ᠳᠠᠷᠢᠶᠠᠯᠠᠩ ᠤᠨ ᠴᠠᠬᠢᠯᠭᠠᠨ ᠳᠠᠳᠠᠵᠤ᠂ 883 ᠲᠦᠬᠦᠷ ︽ᠨᠠᠷᠠᠨ ᠡᠨᠧᠷᠬᠢ ᠰᠠᠯᠬᠢᠨ ᠴᠠᠬᠢᠯᠭᠠᠨ | ᠬᠠᠷᠢᠯᠴᠠᠨ ᠨᠦᠬᠦᠪᠤᠷᠢᠯᠡᠬᠦ︾ ᠲᠦᠬᠦᠬᠡᠷᠤᠮᠵᠢ ᠤᠭᠰᠠᠷᠠᠨ᠂ 2696 ᠡᠷᠤᠬᠡ ᠳᠤ ᠴᠠᠬᠢᠯᠭᠠᠨ ᠨᠡᠪᠳᠡᠷᠡᠬᠦᠯᠵᠤ᠂ | ᠮᠠᠯᠵᠢᠬᠤ ᠳᠠᠷᠢᠶᠠᠯᠠᠬᠤ ᠤᠷᠤᠨ ᠤ ᠡᠷᠤᠬᠡ ᠪᠤᠯᠭᠠᠨ ᠳᠤ ᠴᠠᠬᠢᠯᠭᠠᠨ ᠨᠡᠪᠳᠡᠷᠡᠬᠦ ᠶᠢ ᠦᠨᠳᠤᠰᠤᠨ ᠳᠤ ᠪᠠᠨ | ᠪᠡᠶᠡᠯᠡᠬᠦᠯᠪᠠ᠃ 4 ᠰᠠᠭᠤᠷᠢ ᠠᠶᠤᠯᠬᠦᠢ ᠤᠰᠤ ᠤᠮᠳᠠ ᠶᠢᠨ ᠢᠨᠵᠧᠨᠧᠷᠢᠩ ᠢ ᠬᠡᠷᠡᠭᠵᠢᠬᠦᠯᠵᠤ᠂ 2500 ᠬᠦᠮᠤᠨ ᠤ | ᠤᠰᠤ ᠤᠮᠳᠠ ᠶᠢᠨ ᠬᠦᠴᠢᠷᠳᠠᠯ ᠢ ᠪᠦᠳᠤᠮᠵᠢᠳᠠᠢ ᠰᠢᠢᠤᠨᠪᠤᠷᠢᠯᠡᠪᠠ︔ 26 ᠰᠠᠭᠤᠷᠢ ᠴᠢᠮᠡᠭᠡ ᠬᠤᠯᠪᠤᠭᠠᠨ ᠤ | ᠦᠷᠳᠡᠭᠡ ᠶᠢ ᠰᠢᠨ᠎ᠠ ᠪᠠᠷ ᠪᠠᠶᠢᠭᠤᠯᠵᠤ᠂ ᠭᠠᠷ ᠤᠳᠠᠰᠤᠨ ᠤ ᠳᠤᠬᠢᠶᠠᠨ ᠪᠦᠷᠬᠦᠴᠠ ᠶᠢᠨ ᠨᠤᠷᠮ᠎ᠠ ᠶᠢ 95% ᠳᠤ | ᠬᠦᠷᠬᠡᠪᠠ᠃ ᠲᠦᠷᠤ ᠶᠢᠨ ᠪᠤᠳᠤᠯᠭ᠎ᠠ ᠪᠠᠷ ᠠᠷᠠᠤᠨ ᠢ ᠬᠠᠷᠠᠭᠠᠯᠵᠠᠬᠤ᠃ ᠬᠤᠳᠠ ᠬᠦᠳᠡᠭᠡ ᠶᠢ ᠨᠢᠬᠡᠳᠤᠯᠳᠠᠢ | ᠲᠦᠯᠤᠪᠵᠢᠬᠦᠯᠬᠦ 10 ᠭᠠᠷᠤᠢ ᠵᠦᠢᠯ ᠤᠨ ᠲᠦᠷᠤ ᠶᠢᠨ ᠪᠤᠳᠤᠯᠭ᠎ᠠ ᠶᠢ ᠨᠠᠷᠢᠯᠢᠭᠵᠢᠭᠤᠯᠤᠨ ᠳᠡᠬᠦᠯᠳᠡᠷᠵᠢᠬᠦᠯᠵᠤ᠂ | ᠳᠤᠷᠰᠢᠯᠳᠠ ᠶᠢᠨ ᠴᠡᠭ ᠤᠨ ᠲᠦᠷᠢᠮ ᠤᠨ ᠰᠢᠰᠲ᠋ᠧᠮ ᠨᠠᠩ ᠳᠡᠬᠦᠯᠳᠡᠷ᠂ ᠪᠠᠳᠤᠯᠠᠭ᠎ᠠ ᠨᠠᠩ ᠬᠦᠴᠤᠨ ᠲᠠᠢ ᠪᠤᠯᠪᠠ᠃ | ᠠᠮᠢ ᠠᠬᠤᠢ ᠶᠢᠨ ᠰᠡᠷᠬᠦᠯᠳᠠ ᠶᠢᠨ ᠤᠷᠤᠨ ᠤ ᠰᠢᠯᠵᠢᠭᠰᠡᠨ ᠮᠠᠯᠴᠢᠤᠨ ᠤᠨ ᠨᠦᠬᠦᠪᠤᠷᠢ ᠶᠢᠨ ᠵᠢᠯ ᠬᠤᠭᠤᠴᠠᠭ᠎ᠠ ᠶᠢ | 5 ᠵᠢᠯ ᠠᠴᠠ ᠤᠷᠳᠤᠤᠨᠬᠠᠨ 8 ᠵᠢᠯ ᠪᠤᠯᠭᠠᠪᠠ᠃ ︽ᠨᠢᠬᠡ ᠺᠠᠷᠲ ᠢᠶᠠᠷ ᠨᠡᠪᠳᠡᠷᠡᠬᠦᠯᠬᠦ︾ ᠬᠡᠯᠪᠡᠷᠢ ᠪᠠᠷ | ᠰᠢᠭᠤᠤᠨ 2.94 ᠳ᠋ᠦᠩᠰᠢᠭᠤᠷ ᠲᠦᠬᠦᠷᠢᠭ ᠨᠦᠬᠦᠪᠤᠷᠢᠯᠡᠵᠤ᠂ 1.1 ᠳ᠋ᠦᠩᠰᠢᠭᠤᠷ ᠲᠦᠬᠦᠷᠢᠭ ᠤᠨ ᠮᠠᠯ | ᠳᠠᠷᠢᠶᠠᠯᠠᠩ ᠢ ᠳᠡᠤᠨᠬᠦᠬᠦ ᠪᠡᠯᠡ ᠮᠦᠩᠬᠦ ᠶᠢ ᠪᠤᠳᠠᠳᠠᠶᠢᠵᠢᠭᠤᠯᠵᠤ᠂ 1100 ᠲᠦᠮᠡᠨ ᠲᠦᠬᠦᠷᠢᠭ ᠤᠨ ︽ᠠᠵᠤ | ᠤᠶᠢᠯᠡᠤᠨᠪᠤᠷᠢ ᠪᠠᠷ ᠮᠠᠯ ᠳᠠᠷᠢᠶᠠᠯᠠᠩ ᠢ ᠨᠦᠬᠦᠪᠤᠷᠢᠯᠡᠬᠦ︾ ᠪᠡᠯᠡ ᠮᠦᠩᠬᠦ ᠳᠠᠯᠪᠢᠵᠤ᠂ ᠮᠠᠯᠴᠢᠨ ᠳᠠᠷᠢᠶᠠᠴᠢᠤᠨ ᠨᠠᠩ | ᠠᠷᠪᠢᠨ ᠲᠦᠷᠤ ᠶᠢᠨ ᠪᠤᠳᠤᠯᠭ᠎ᠠ ᠶᠢᠨ ᠬᠠᠷᠠᠭᠠᠯᠵᠠᠯ ᠬᠦᠷᠳᠡᠪᠡ᠃ | ︵ᠲᠥᠷᠪᠡ︶ ᠭᠤᠷᠪᠠᠳᠤᠭᠠᠷ ᠠᠵᠤ ᠥᠢᠯᠡᠰ ᠤᠨ ᠬᠦᠭᠵᠢᠯᠲᠡ ᠶᠢᠨ ᠠᠯᠬᠤᠴᠠ ᠲᠦᠷᠬᠡᠳᠪᠡ᠃ | ᠵᠢᠭᠤᠯᠴᠢᠯᠠᠯ ᠤᠨ ᠥᠢᠯᠡᠰ ᠢ ᠲᠡᠮᠵᠢᠨ ᠬᠦᠬᠢᠬᠦᠯᠬᠦ ᠠᠷᠭ᠎ᠠ ᠪᠠ ᠠᠷᠠᠯᠵᠢᠶᠠᠴᠢᠨ ᠤᠷᠢᠵᠤ ᠪᠡᠯᠡ ᠲᠠᠲᠠᠬᠤ ᠬᠠᠷᠠᠭᠠᠯᠵᠠᠯ | ᠤᠨ ᠲᠥᠷᠥ ᠶᠢᠨ ᠪᠤᠳᠤᠯᠭ᠎ᠠ ᠶᠢ ᠬᠡᠷᠡᠭᠵᠢᠬᠦᠯᠵᠣ᠂ ᠠᠵᠤ ᠠᠬᠤᠶᠢᠯᠠᠯ ᠤᠨ ᠰᠠᠨᠠᠭᠠᠴᠢᠯᠠᠭᠠᠲᠤ ᠴᠢᠨᠠᠷ ᠪᠠ | ᠢᠳᠡᠪᠬᠢᠵᠢᠯ ᠢ ᠬᠦᠢᠴᠡᠳ ᠤᠷᠮᠠᠰᠢᠭᠤᠯᠪᠠ᠃ ᠶᠠᠨ ᠠᠨ ᠤ ᠥᠨᠳᠤᠰᠤᠳᠡᠨ ᠤ ᠳᠡᠭᠡᠲᠤ ᠰᠤᠷᠭᠠᠭᠤᠯᠢ ᠶᠢᠨ | ᠪᠤᠷᠤᠪᠠᠯᠭᠠᠰᠤᠨ ᠳᠤ ᠬᠢ ᠲᠤᠷᠠᠰᠬᠠᠯ ᠤᠨ ᠣᠷᠳᠣᠨ ᠤ ᠭᠤᠣᠯ ᠪᠠᠷᠢᠯᠭ᠎ᠠ ᠲᠠᠭᠤᠰᠴᠤ᠂ ᠶᠡᠭᠡ ᠬᠠᠭᠠᠨ ᠤ ᠶᠠᠪᠣᠭᠤᠯ | ᠤᠷᠳᠤᠨ ᠢ ᠰᠢᠨᠡᠳᠬᠡᠨ ᠠᠰᠢᠭᠯᠠᠵᠤ᠂ ︽ᠮᠠᠯᠴᠢᠨ ᠲᠠᠷᠢᠶᠠᠴᠢᠨ ᠠᠶᠢᠯ ᠤᠨ ᠰᠡᠯᠡᠬᠦᠴᠡᠯ︾ ᠤᠨ ᠬᠦᠯᠢᠶᠠᠨ | ᠵᠤᠴᠢᠯᠠᠬᠤ 60 ᠡᠷᠥᠬᠡ ᠶᠢ ᠬᠦᠭᠵᠢᠬᠦᠯᠥᠨ᠂ ᠶᠡᠭᠡ ᠲᠤᠯᠤᠨ ᠵᠢᠭᠤᠯᠴᠢᠯᠠᠯ ᠤᠨ ᠤᠷᠤᠨ ᠤᠯᠤᠰ ᠤᠨ 4A ᠲᠡᠰ | ᠤᠨ ᠥᠵᠡᠮᠵᠢ ᠶᠢᠨ ᠤᠷᠤᠨ ᠢᠶᠠᠷ ᠥᠨᠡᠯᠡᠭᠳᠡᠪᠡ᠃ ᠭᠤᠯᠤᠮᠳᠠ ᠭᠠᠯ ᠤᠨ ᠲᠠᠶᠢᠯᠭ᠎ᠠ ᠳᠠᠬᠢᠯᠭ᠎ᠠ ᠱᠠᠩᠬᠠᠢ ᠶᠢᠨ ᠬᠢᠨᠢᠰ | ᠤᠨ ᠲᠡᠮᠲᠡᠭᠯᠡᠯ ᠳᠤ ᠪᠦᠷᠢᠳᠬᠡᠬᠦᠯᠬᠦ ᠪᠠᠷ ᠪᠣᠯᠵᠣ᠂ ᠶᠡᠭᠡ ᠲᠤᠯᠤᠨ ᠤ ᠤᠷᠠᠨ ᠪᠢᠴᠢᠯᠭᠡ ᠤᠷᠠᠨ ᠵᠢᠷᠤᠭ ᠤᠨ ᠪᠢᠷ | ᠤᠨ ᠴᠤᠭᠯᠠᠭᠠᠨ᠂ ᠮᠤᠲ᠋ᠤᠷ ᠮᠠᠰᠢᠨ ᠲᠡᠷᠭᠡᠨ ᠤ ᠣᠷᠣᠯᠳᠣᠭᠠᠨ ᠵᠡᠷᠭᠡ ᠨᠠᠶᠢᠷ ᠴᠤᠭᠯᠠᠭᠠᠨ ᠤ ᠨᠡᠷ᠎ᠡ ᠳᠡᠮᠳᠡᠭ | ᠠᠯᠳᠠᠷᠰᠢᠵᠣ᠂ ᠲᠤᠮᠳᠠᠳᠤ ᠤᠯᠤᠰ ᠤᠨ ᠠᠩᠬᠠᠳᠠᠭᠴᠢ ᠵᠤᠷᠪᠤᠰ ᠥᠪᠡᠷᠳᠡᠭᠡᠨ ᠲᠡᠷᠭᠡ ᠪᠠᠷᠢᠵᠤ ᠵᠢᠭᠤᠯᠴᠢᠯᠠᠬᠤ | ᠰᠤᠳᠤᠨ ᠵᠠᠮ ᠱᠤᠭᠤᠮ ᠬᠤᠰᠢᠭᠤᠨ ᠤ ᠬᠢᠵᠠᠭᠠᠷ ᠢᠶᠠᠷ ᠲᠣᠭᠤᠯᠣᠨ᠂ ᠰᠤᠶᠤᠯ ᠵᠢᠭᠤᠯᠴᠢᠯᠠᠯ ᠤᠨ ᠡᠬᠢ ᠰᠤᠷᠪᠤᠯᠵᠢ | ᠪᠡᠭᠡᠵᠢᠩ ᠤᠨ ᠤᠯᠠᠨ ᠤᠯᠤᠰ ᠤᠨ ᠴᠡᠴᠡᠷᠯᠢᠭᠵᠢᠬᠦᠯᠭᠡ ᠶᠢᠨ ᠥᠵᠡᠰᠬᠦᠯᠡᠩ ᠳᠤ ᠳᠡᠯᠭᠡᠭᠳᠡᠵᠤ᠂ ᠤᠯᠤᠰ ᠤᠨ | ᠳᠤᠳᠤᠭᠠᠲᠤ ᠭᠠᠳᠠᠭᠠᠳᠤ ᠶᠢᠨ ᠵᠤᠴᠢᠳ ᠤᠨ ᠮᠠᠭᠳᠠᠭᠠᠯ ᠰᠠᠶᠢᠰᠢᠶᠠᠯ ᠢ ᠬᠦᠷᠲᠡᠪᠡ᠃ ᠤᠳᠤ ᠥᠶ᠎ᠡ ᠶᠢᠨ | ᠥᠢᠯᠡᠴᠢᠯᠡᠭᠡᠨ ᠤ ᠥᠢᠯᠡᠰ ᠯᠠᠪᠳᠠᠭᠤᠨ ᠬᠦᠭᠵᠢᠵᠤ᠂ ᠲᠤᠮᠳᠠᠳᠤ ᠤᠯᠤᠰ ᠤᠨ ᠪᠠᠩᠬᠢ ᠵᠢᠩᠬᠢᠨᠢ ᠪᠠᠷ ᠠᠵᠢᠯ | ᠡᠷᠬᠢᠯᠡᠵᠣ᠂ ᠤᠷᠳᠤᠰ ᠪᠠᠩᠬᠢ ᠠᠵᠢᠯ ᠲᠥᠷᠥᠯ ᠢᠶᠠᠨ ᠥᠷᠭᠡᠳᠬᠡᠨ᠂ ᠲᠠᠩᠰᠤᠭ ᠷᠠᠰᠢᠶᠠᠨ ᠪᠠᠭᠤᠳᠠᠯ ᠲᠥᠷᠪᠡᠨ | ᠣᠳᠣᠨ ᠲᠡᠰ ᠢᠶᠠᠷ ᠥᠨᠡᠯᠡᠭᠳᠡᠵᠤ᠂ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ | ᠶᠡᠷᠤᠩᠬᠡᠢ ᠦᠷᠳᠡᠭ 16 ᠳ᠋ᠦᠩᠰᠢᠭᠤᠷ ᠲᠥᠬᠦᠷᠢᠭ ᠲᠤ ᠬᠦᠷᠴᠤ᠂ 13.64% ᠨᠡᠮᠡᠭᠳᠡᠪᠠ᠃ | ︵ᠲᠠᠪᠤ︶ ᠠᠮᠢ ᠠᠬᠤᠢ ᠪᠤᠯᠤᠨ ᠰᠠᠭᠤᠷᠢ ᠲᠥᠭᠦᠭᠡᠷᠤᠮᠵᠢ ᠶᠢᠨ ᠪᠠᠶᠢᠭᠤᠯᠣᠯᠲᠠ ᠶᠢᠨ ᠬᠦᠴᠦᠯᠡᠴᠡ | ᠴᠢᠩᠭᠠᠳᠪᠠ᠃ ᠵᠠᠰᠠᠮᠠᠯ ᠵᠠᠮ ᠤᠨ ᠪᠥᠲᠥᠬᠡᠨ ᠪᠠᠶᠢᠭᠤᠯᠤᠯᠳᠠ ᠳᠤ 32.96 ᠳ᠋ᠥᠩᠰᠢᠭᠤᠷ ᠲᠥᠭᠦᠷᠢᠭ ᠪᠡᠯᠡ | ᠤᠷᠤᠭᠤᠯᠵᠤ᠂ ᠠᠩᠬᠠᠳᠠᠭᠴᠢ ᠵᠤᠷᠪᠤᠰ ᠳᠡᠭᠡᠲᠤ ᠲᠡᠰ ᠤᠨ ᠵᠠᠰᠠᠮᠠᠯ ᠵᠠᠮ ᠪᠠᠷᠢᠯᠭ᠎ᠠ ᠲᠠᠭᠤᠰᠤᠨ ᠲᠡᠷᠭᠡ ᠨᠠᠪᠳᠠᠷᠡᠵᠤ᠂ | ᠬᠤᠶᠢᠰᠢ ᠪᠠᠨ ᠷᠥᠩ ᠡᠤ ᠲᠥᠷᠬᠡᠨ ᠵᠠᠮ ᠂ ᠡᠮᠤᠨᠡᠰᠢ ᠶᠢᠨ ᠴᠢᠩ ᠲᠥᠷᠭᠡᠨ ᠵᠠᠮ ᠢ ᠬᠤᠯᠪᠣᠭᠰᠠᠨᠵᠠᠮ | ᠬᠠᠷᠢᠯᠴᠠᠭᠠᠪᠦ᠋ᠷᠢᠯᠳᠦᠪᠡ᠃ ᠤᠯᠵᠠᠴᠢ ᠠᠴᠠ ᠳ᠋ᠥᠩ ᠳ᠋ᠤᠤ ᠯᠢᠶᠠᠩ ︵ᠥᠪᠤᠷ ᠮᠤᠩᠭᠤᠯ ᠨᠢᠩᠰᠢᠶᠠ ᠶᠢᠨ ᠰᠠᠪᠠ︶ | ᠬᠦᠷᠬᠦ ᠲᠥᠷᠭᠡᠨ ᠵᠠᠮ ᠥᠪᠡᠷᠳᠡᠭᠡᠨ ᠵᠠᠰᠠᠬᠤ ᠤᠷᠤᠨ ᠤ ᠬᠦᠭᠵᠢᠬᠦᠯᠥᠯᠲᠡ ᠥᠭᠡᠷᠡᠴᠢᠯᠠᠯᠳᠠ ᠶᠢᠨ ᠵᠥᠪᠯᠡᠯ ᠤᠨ | ᠵᠥᠪᠰᠢᠶᠡᠷᠡᠯ ᠢ ᠤᠯᠤᠨ᠂ ᠤᠯᠵᠠᠴᠢ ᠨᠡᠶᠢᠳᠡᠮ ᠬᠡᠷᠡᠭᠯᠡᠬᠡᠨ ᠤ ᠨᠢᠰᠭᠡᠯ ᠤᠨ ᠪᠠᠭᠤᠳᠠᠯ᠂ ᠥᠥᠰᠢᠨ ᠲᠤᠯᠢ ᠠᠴᠠ | ᠱᠠᠩᠬᠠᠢ ᠶᠢᠨ ᠰᠥᠮ᠎ᠡ ᠬᠦᠷᠬᠦ ᠲᠡᠮᠥᠷ ᠵᠠᠮ ᠤᠨ ᠪᠠᠷᠢᠯᠭ᠎ᠠ ᠡᠬᠢᠯᠡᠬᠦᠯᠬᠦ ᠨᠦᠬᠦᠴᠡᠯ ᠪᠦᠷᠢᠳᠪᠡ᠃ 110 | ᠺᠢᠯᠥᠸᠤᠯᠲ ᠪᠠ 35 ᠺᠢᠯᠤᠸᠤᠯᠲ ᠤᠨ ᠴᠠᠬᠢᠯᠭᠠᠨ ᠬᠤᠪᠢᠰᠬᠠᠬᠤ 4 ᠥᠷᠳᠡᠭᠡ ᠶᠢᠨ ᠪᠠᠭᠳᠠᠭᠠᠮᠵᠢ ᠶᠢ ᠨᠡᠮᠡᠭᠳᠡᠬᠦᠯᠵᠣ | ᠂ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠥᠷᠳᠡᠭᠡ 1 ᠰᠠᠭᠤᠷᠢ᠂ 35 ᠺᠢᠯᠤᠸᠤᠯᠲ ᠤᠨ ᠴᠠᠬᠢᠯᠭᠠᠨ | ᠬᠤᠪᠢᠰᠬᠠᠬᠤ ᠥᠷᠳᠡᠭᠡ 4 ᠰᠠᠭᠤᠷᠢ ᠨᠡᠮᠡᠨ ᠪᠠᠶᠢᠭᠤᠯᠪᠠ᠃ ᠶᠡᠭᠡ ᠲᠣᠬᠤᠢ ᠶᠢᠨ ᠣᠰᠣᠯᠠᠯᠲᠠ ᠶᠢᠨ ᠣᠷᠣᠨ ᠢ | ᠥᠭᠡᠷᠡᠴᠢᠯᠠᠨ ᠵᠠᠰᠠᠬᠤ ᠢᠨᠵᠧᠨᠧᠷᠢᠩ ᠠᠰᠢᠭᠯᠠᠯᠳᠠ ᠳᠤ ᠤᠷᠤᠪᠠ᠃ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠥᠷᠥ | ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠭᠤᠤᠯᠳᠠᠯᠭᠠᠲᠤ ᠤᠷᠤᠨ ᠲᠤᠭᠤᠷᠢᠭ ᠤᠨ ᠴᠡᠴᠡᠷᠯᠢᠭᠵᠢᠬᠦᠯᠭᠡ ᠪᠤᠯᠤᠨ | ᠠᠯᠪᠠᠨ ᠵᠢᠷᠣᠮ ᠤᠨ ᠣᠶᠢᠵᠢᠭᠤᠯᠣᠯᠲᠠ ᠶᠢᠨ ᠠᠵᠢᠯᠯᠠᠭ᠎ᠠ ᠶᠢ ᠲᠠᠯᠠᠶᠢᠴᠠᠲᠠᠢ ᠥᠷᠨᠢᠬᠦᠯᠥᠨ᠂ 16 ᠲᠥᠮᠡᠨ ᠮᠤ᠋ ᠠᠮᠢ | ᠠᠬᠤᠢ ᠶᠢᠨ ᠣᠶᠢᠵᠢᠭᠤᠯᠣᠯᠲᠠ᠂ 80 ᠲᠥᠮᠡᠨ ᠮᠤ᠋ ᠪᠡᠯᠴᠢᠭᠡᠷ ᠢ ᠰᠤᠯᠠᠳᠬᠠᠨ ᠡᠪᠡᠰᠤ ᠲᠠᠷᠢᠬᠤ ᠶᠢ ᠪᠡᠶᠡᠯᠡᠬᠦᠯᠵᠤ᠂ | 20.5 ᠲᠥᠮᠡᠨ ᠮᠤ᠋ ᠬᠦᠷᠥᠰᠤ ᠰᠢᠷᠣᠢ ᠶᠢ ᠬᠠᠮᠠᠭᠠᠯᠠᠬᠤ ᠶᠡᠷᠥᠩᠬᠡᠶᠢᠯᠡᠭᠰᠡᠨ ᠵᠠᠰᠠᠯᠲᠠᠵᠢ ᠬᠡᠷᠡᠭᠵᠢᠬᠦᠯᠥᠭᠰᠡᠨ ᠠᠴᠠ | ᠠᠮᠢ ᠠᠬᠤᠢ ᠶᠢᠨ ᠤᠷᠴᠢᠨ ᠥᠷᠬᠦᠯᠵᠢᠯᠡᠨ ᠰᠠᠶᠢᠵᠢᠷᠠᠵᠤ᠂ ᠤᠢ ᠰᠢᠭᠤᠢ ᠶᠢᠨ ᠪᠥᠷᠬᠦᠴᠡ ᠶᠢᠨ ᠨᠤᠷᠮ᠎ᠠ ᠪᠤᠯᠤᠨ | ᠤᠷᠭᠤᠮᠠᠯ ᠤᠨ ᠬᠤᠴᠢᠯᠭ᠎ᠠ ᠶᠢᠨ ᠨᠤᠷᠮ᠎ᠠ 25% ᠪᠠ 81% ᠪᠣᠯᠪᠠ᠃ | ︵ᠵᠢᠷᠭᠤᠭ᠎ᠠ︶ ᠨᠡᠶᠢᠬᠡᠮ ᠤᠨ ᠬᠠᠮᠢᠶᠠᠷᠤᠯᠳᠠ ᠶᠢᠨ ᠬᠢᠷᠢ ᠲᠥᠪᠰᠢᠨ ᠪᠥᠲᠥᠮᠵᠢᠲᠡᠢ ᠳᠡᠭᠡᠭᠰᠢᠯᠡᠪᠡ᠃ | ᠲᠣᠭᠲᠠᠭᠤᠨ ᠢ ᠪᠠᠲᠣᠯᠠᠬᠤ ᠠᠵᠢᠯ ᠤᠨ ᠵᠤᠬᠢᠴᠠᠮᠵᠢ ᠶᠢ ᠪᠠᠶᠢᠭᠤᠯᠵᠤ᠂ ︽ᠵᠠᠭᠤᠨ ᠪᠠᠶᠢᠭᠤᠯᠭ᠎ᠠ ᠶᠢᠨ ᠮᠢᠩᠭᠠᠨ ᠺᠠᠳ᠋ᠷ | ᠬᠦᠳᠡᠭᠡᠪᠠᠭᠤᠵᠤ ᠲᠥᠮᠡᠨ ᠤᠯᠠᠨ ᠳᠤ ᠥᠢᠯᠡᠴᠢᠯᠡᠬᠦ︾ ᠠᠵᠢᠯᠯᠠᠭ᠎ᠠ ᠥᠷᠨᠢᠬᠦᠯᠥᠨ᠂ ᠦᠨᠳᠣᠰᠣᠨ ᠱᠠᠲᠣᠨ ᠳᠤ | ᠪᠠᠲᠤᠲᠡᠢ ᠡᠵᠡᠮᠳᠡᠬᠦ᠂ ᠲᠦᠪᠯᠡᠷᠡᠬᠦᠯᠣᠨ ᠲᠣᠰᠢᠶᠠᠵᠣ ᠰᠢᠢᠳᠪᠣᠷᠢᠯᠡᠬᠦᠯᠬᠦ᠂ ᠤᠳᠤᠷᠢᠳᠤᠯᠭ᠎ᠠ ᠠᠴᠠ ᠳᠠᠭᠠᠭᠠᠴᠢᠯᠠᠬᠤ᠂ | ᠬᠤᠭᠤᠴᠠᠭ᠎ᠠ ᠬᠢᠵᠠᠭᠠᠷᠯᠠᠨ ᠰᠢᠢᠳᠪᠣᠷᠢᠯᠡᠬᠦᠯᠬᠦ ᠵᠡᠷᠭᠡ ᠠᠷᠭ᠎ᠠ ᠠᠪᠴᠠᠯ ᠢᠶᠠᠷ ᠵᠠᠬᠢᠳᠠᠯ ᠰᠤᠷᠪᠤᠯᠵᠢᠯᠠᠭ᠎ᠠ ᠶᠢᠨ39 | ᠲᠠᠷᠤᠭᠳᠠᠮᠠᠯ ᠬᠡᠷᠡᠭ ᠢ ᠲᠥᠪᠯᠡᠷᠡᠬᠦᠯᠥᠨ ᠰᠢᠢᠳᠪᠤᠷᠢᠯᠠᠵᠤ᠂ 216 ᠵᠥᠷᠢᠴᠡᠯ ᠵᠢᠭᠤᠷᠠᠯᠳᠤᠭᠠᠨ ᠢ ᠰᠢᠢᠳᠪᠣᠷᠢᠯᠡᠭᠰᠡᠨ | ᠠᠴᠠ ᠵᠠᠬᠢᠳᠠᠯ ᠰᠤᠷᠪᠤᠯᠵᠢᠯᠠᠭ᠎ᠠ ᠶᠢᠨ ᠶᠡᠷᠥᠩᠬᠡᠢ ᠬᠡᠮᠵᠢᠶ᠎ᠠ 21.9% ᠪᠠᠭᠤᠷᠠᠪᠠ᠃ ᠠᠵᠤ ᠠᠬᠤᠶᠢᠯᠠᠯ ᠠᠴᠠ | ᠬᠦᠯᠥᠰᠤᠨ ᠠᠵᠢᠯᠴᠢᠨ ᠳᠤ ᠥᠷᠢᠳᠥᠭᠰᠡᠨ ᠴᠠᠯᠢᠩ ᠢ ᠴᠠᠭ ᠲᠤᠬᠠᠢ ᠳᠤ ᠨᠢ ᠤᠯᠭᠤᠵᠤ᠂ ᠵᠠᠰᠠᠭ ᠤᠨ ᠤᠷᠳᠤᠨ ᠤ | ᠴᠢᠨᠠᠷ ᠲᠠᠢ ᠥᠷᠢ ᠥᠭᠴᠡᠭᠡ ᠶᠢ ᠰᠢᠢᠳᠪᠤᠷᠢᠯᠡᠬᠦ ᠲᠣᠰ ᠵᠢᠯ ᠤᠨ ᠡᠬᠦᠷᠬᠡ ᠪᠠᠨ ᠪᠦᠬᠦ ᠲᠠᠯ᠎ᠠ ᠪᠠᠷ ᠪᠡᠶᠡᠯᠡᠬᠦᠯᠥᠨ᠂ | ᠨᠡᠶᠢᠬᠡᠮ ᠤᠨ ᠪᠦᠬᠦᠶᠢᠯᠡ ᠴᠤᠭᠴᠠ ᠶᠢᠨ ᠲᠣᠭᠲᠠᠭᠤᠨ ᠢ ᠪᠠᠲᠣᠯᠠᠪᠠ᠃ ︽ᠨᠢᠭᠡ ᠪᠠᠶᠢᠷᠢ ᠬᠤᠤᠰ ᠬᠠᠷᠢᠭᠤᠴᠠᠯᠭ᠎ᠠ︾ | ᠶᠢᠨ ᠲᠥᠷᠢᠮ ᠢ ᠴᠢᠩᠭᠠᠳᠬᠠᠵᠤ᠂ ᠬᠡᠮ ᠰᠤᠭᠤᠭ ᠢ ᠪᠠᠶᠢᠴᠠᠭᠠᠬᠤ ᠪᠠ ᠲᠤᠰᠬᠠᠢ ᠴᠡᠭᠴᠡᠯᠠᠯᠳᠠ ᠬᠢᠬᠦ ᠶᠢ | ᠨᠠᠶᠢᠳᠠᠪᠤᠷᠢᠵᠢᠭᠤᠯᠤᠨ᠂ ᠠᠶᠤᠯᠬᠦᠢ ᠥᠢᠯᠡᠳᠪᠤᠷᠢᠯᠠᠯ ᠢ ᠯᠠᠪᠳᠠᠭᠤᠨ ᠠᠬᠢᠭᠤᠯᠪᠠ᠃ ︽ᠲᠤᠭᠠᠴᠠᠯᠠᠭᠰᠠᠨ ᠤᠲᠤᠭ ᠤᠨ | ᠡᠮᠤᠨᠡᠲᠤ ᠬᠤᠰᠢᠭᠤ︾ ᠶᠡᠷᠥᠩᠬᠡᠶᠢᠯᠡᠭᠰᠡᠨ ᠮᠡᠳᠡᠭᠡ ᠵᠠᠩᠬᠢ ᠶᠢᠨ ᠵᠢᠯᠤᠭᠤᠳᠬᠤ ᠲᠠᠪᠴᠡᠩ ᠠᠰᠢᠭᠯᠠᠯᠳᠠ ᠳᠤ ᠤᠷᠤᠵᠤ | ᠂ ᠨᠠᠶᠢᠬᠡᠮ ᠤᠨ ᠠᠮᠤᠷ ᠢ ᠬᠠᠮᠠᠭᠠᠯᠠᠬᠤ ᠬᠢᠨᠠᠨ ᠡᠵᠡᠮᠰᠢᠯ ᠤᠯᠠᠮ ᠳᠡᠬᠦᠯᠳᠡᠷᠵᠢᠵᠤ᠂ ᠡᠷᠡᠬᠦᠦ ᠶᠢᠨ ᠬᠡᠷᠡᠭ ᠪᠦᠬᠦ | ᠬᠤᠳᠠ ᠳᠤ ᠪᠠᠨ ᠬᠠᠮᠤᠭ ᠤᠨ ᠴᠦᠬᠡᠨ᠂ ᠬᠡᠷᠡᠭ ᠢᠯᠡᠷᠡᠬᠦᠯᠥᠭᠰᠡᠨ ᠨᠤᠷᠮ᠎ᠠ ᠪᠦᠬᠦ ᠬᠤᠳᠠ ᠳᠤ ᠪᠠᠨ ᠬᠠᠮᠤᠭ | ᠥᠨᠳᠤᠷ ᠪᠣᠯᠪᠠ᠃ ᠤᠯᠤᠰ ᠤᠨ ᠪᠠᠲᠣᠯᠠᠨ ᠬᠠᠮᠠᠭᠠᠯᠠᠯᠳᠠ ᠶᠢᠨ ᠪᠡᠯᠡᠳᠬᠡᠯ ᠠᠯᠪᠠ ᠪᠠ ᠲᠠᠶᠢᠴᠢᠯᠠᠯᠳᠠ ᠶᠢᠨ | ᠴᠢᠳᠠᠪᠤᠷᠢ ᠶᠢᠨ ᠪᠠᠶᠢᠭᠤᠯᠤᠯᠳᠠ ᠲᠠᠰᠤᠷᠠᠯᠳᠠ ᠥᠬᠡᠢ ᠴᠢᠩᠭᠠᠳᠴᠤ᠂ ᠥᠨᠳᠤᠰᠤᠳᠡᠨ ᠱᠠᠰᠢᠨ ᠰᠣᠷᠳᠠᠬᠤᠨ ᠤ ᠠᠵᠢᠯ | ᠰᠢᠨᠠᠠᠮᠵᠢᠯᠳᠠ ᠣᠯᠵᠣ᠂ ᠣᠷᠴᠢᠭᠤᠯᠭ᠎ᠠ ᠶᠢᠨ ᠠᠵᠢᠯᠲᠠᠳ᠂ ᠴᠦᠬᠡᠨ ᠲᠣᠭᠠᠲᠣ ᠦᠨᠲᠣᠰᠣᠲᠡᠨ ᠤ ᠣᠶᠣᠲᠠᠳ | ᠵᠡᠷᠬᠡ ᠳᠤ 300 ᠲᠦᠮᠡᠨ ᠲᠦᠬᠦᠷᠢᠭ ᠨᠦᠬᠦᠪᠣᠷᠢ ᠣᠯᠭᠤᠵᠣ᠂ ᠥᠨᠳᠤᠰᠤᠳᠡᠨ ᠤ ᠪᠦᠯᠬᠦᠮᠳᠡᠯ ᠲᠠᠪᠰᠢᠯᠲᠠ ᠪᠣᠯᠣᠨ | ᠮᠣᠩᠭᠤᠯ ᠦᠬᠡ ᠬᠡᠯᠡ ᠦᠰᠦᠭ ᠪᠢᠴᠢᠭ ᠰᠣᠷᠴᠣ ᠬᠡᠷᠡᠭᠯᠡᠭᠰᠡᠨ 25 ᠲᠡᠷᠢᠬᠦᠨ ᠤ ᠬᠠᠮᠲᠣ᠂ 35 ᠲᠡᠷᠢᠬᠦᠨ ᠤ | ᠬᠤᠪᠢ ᠬᠦᠮᠦᠨ ᠢ ᠱᠠᠩᠨᠠᠨ ᠬᠦᠬᠢᠬᠦᠯᠪᠡ᠃ | ︵ᠲᠤᠯᠤᠭ᠎ᠠ︶ ᠵᠠᠰᠠᠭ ᠤᠨ ᠤᠷᠳᠤᠨ ᠤ ᠲᠣᠰ ᠪᠡᠶ᠎ᠡ ᠶᠢᠨ ᠪᠠᠶᠢᠭᠤᠯᠤᠯᠳᠠ ᠲᠠᠰᠤᠷᠠᠯᠳᠠ ᠥᠬᠡᠢ | ᠴᠢᠩᠭᠠᠳᠪᠠ᠃ ᠬᠠᠤᠯᠢ ᠶᠤᠰᠤ ᠪᠠᠷ ᠵᠠᠰᠠᠭ ᠶᠠᠪᠣᠭᠤᠯᠬᠤ ᠶᠢ ᠢᠳᠡᠪᠬᠢᠲᠡᠢ ᠠᠬᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠪᠤᠯᠤᠨ ᠤᠯᠤᠰ ᠲᠥᠷᠥ ᠶᠢᠨ | ᠵᠥᠪᠯᠡᠯᠬᠡᠨᠵᠢᠴᠢ ᠨᠡᠶᠢᠬᠡᠮ ᠤᠨ ᠡᠯ᠎ᠡ ᠡᠲᠡᠬᠡᠳ ᠤᠨ ᠠᠷᠠᠳᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ | ᠬᠦᠯᠢᠶᠡᠵᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠤᠯᠤᠰ ᠲᠥᠷᠥ ᠶᠢᠨ ᠵᠥᠪᠯᠡᠯᠬᠡᠨ ᠤ | ᠭᠡᠰᠢᠬᠦᠳ ᠤᠨ ᠲᠤᠷᠠᠳᠤᠯᠭ᠎ᠠ ᠶᠢ ᠪᠦᠬᠦᠨ ᠢ ᠬᠦᠢᠴᠡᠳᠬᠡᠪᠡ᠃ ᠲᠥᠪ ᠤᠨ ︽ᠨᠠᠢᠮᠠᠨ ᠲᠤᠭᠳᠠᠭᠠᠯ︾ ᠢ ᠬᠢᠨᠠᠮᠠᠭᠠᠢ | ᠨᠠᠶᠢᠳᠠᠪᠤᠷᠢᠵᠢᠭᠤᠯᠤᠨ ᠲᠤᠤᠱᠯᠠᠭᠤᠯᠵᠤ᠂ ᠵᠠᠰᠠᠭ ᠤᠨ ᠤᠷᠳᠤᠨ ᠤ ᠬᠤᠷᠠᠯᠳᠤᠭᠠᠨ᠂ ᠪᠢᠴᠢᠭ ᠮᠠᠲ᠋ᠧᠷᠢᠶᠡᠯ ᠪᠠ ᠠᠯᠪᠠᠨ | ᠵᠣᠴᠢᠯᠠᠭ᠎ᠠ ᠵᠢᠨᠵᠠᠷᠤᠳᠠᠯ ᠢ ᠲᠤᠰ ᠪᠥᠷᠢ 9%᠂ 12% ᠪᠠ 33.74% ᠪᠠᠷ ᠪᠠᠭᠠᠰᠬᠠᠪᠠ᠃ ᠠᠯᠪᠠᠨ ᠲᠡᠷᠬᠡ | ᠪᠠ ᠠᠯᠪᠠᠯᠠᠬᠤ ᠭᠡᠷ ᠤᠨ ᠲᠤᠰᠬᠠᠢ ᠲᠥᠷᠥᠯ ᠤᠨ ᠴᠡᠭᠴᠡᠯᠡᠯᠲᠡ ᠶᠢ ᠲᠥᠪᠯᠡᠷᠡᠩᠬᠦᠢ ᠥᠷᠨᠢᠬᠦᠯᠵᠣ᠂ ᠶᠡᠷᠤ ᠶᠢᠨ ᠴᠢᠨᠠᠷ | ᠲᠠᠢ ᠵᠠᠷᠤᠯᠭ᠎ᠠ ᠶᠢ ᠶᠡᠭᠡᠪᠠᠷ ᠪᠠᠭᠠᠰᠬᠠᠵᠤ᠂ ᠠᠯᠪᠠᠨ ᠵᠠᠷᠤᠳᠠᠯ ᠪᠤᠯᠤᠨ ᠪᠠᠶᠢᠩᠭᠤ ᠶᠢᠨ ᠴᠢᠨᠠᠷ ᠲᠠᠢ ᠵᠠᠷᠤᠯᠭ᠎ᠠ ᠶᠢ 35. | 29% ᠪᠠ 5.56% ᠪᠠᠷ ᠪᠠᠭᠠᠰᠬᠠᠪᠠ᠃ ᠵᠠᠰᠠᠭ ᠤᠨ ᠶᠠᠪᠤᠳᠠᠯ ᠤᠨ ᠥᠢᠯᠡᠴᠢᠯᠡᠬᠡᠨ ᠤ ᠲᠥᠪ ᠢ ᠪᠠᠶᠢᠭᠤᠯᠵᠤ᠂ | 146 ᠵᠥᠢᠯ ᠤᠨ ᠬᠢᠨᠠᠨ ᠵᠦᠪᠰᠢᠶᠡᠷᠡᠯ ᠤᠨ ᠬᠤᠭᠤᠴᠠᠭᠠᠨᠬᠢᠵᠠᠭᠠᠷᠲᠠᠢ ᠲᠦᠪᠯᠡᠷᠡᠩᠬᠦᠢ ᠬᠦᠢᠴᠡᠳᠬᠡᠯᠲᠡ ᠶᠢ | ᠪᠡᠶᠡᠯᠡᠬᠦᠯᠪᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠬᠢᠨᠠᠯᠲᠠ ᠶᠢ ᠴᠢᠩᠭᠠᠳᠬᠠᠵᠤ᠂ | ᠴᠢᠬᠤᠯᠠ ᠶᠡᠭᠡ ᠲᠥᠷᠥᠯ ᠵᠥᠢᠯ ᠤᠨ ᠴᠤᠬᠤᠯᠠᠪᠤᠷᠢᠯᠠᠯ ᠵᠡᠷᠭᠡ 10 ᠭᠠᠷᠣᠢ ᠲᠥᠷᠥᠯ ᠤᠨ ᠬᠠᠮᠢᠶᠠᠷᠤᠯᠳᠠ ᠶᠢᠨ | ᠠᠷᠭ᠎ᠠ ᠶᠢ ᠲᠤᠭᠳᠠᠭᠠᠵᠤ᠂ ᠤᠯᠠᠨ ᠨᠡᠶᠢᠲᠡ ᠶᠢᠨ ᠡᠬᠢ ᠰᠤᠷᠪᠤᠯᠵᠢ ᠶᠢᠨ ᠰᠣᠯᠢᠯᠴᠠᠭᠠᠨ ᠤ ᠲᠠᠪᠴᠡᠩ ᠢ ᠪᠠᠶᠢᠭᠤᠯᠵᠤ | ᠂ ᠠᠷᠢᠭᠤᠨ ᠴᠢᠭᠴᠢ ᠶᠢᠨ ᠪᠠᠶᠢᠭᠤᠯᠤᠯᠳᠠ ᠪᠠ ᠢᠯᠵᠡᠷᠡᠯ ᠢ ᠡᠰᠡᠷᠬᠦᠴᠡᠬᠦ ᠠᠵᠢᠯ ᠰᠢᠨ᠎ᠠ ᠪᠥᠲᠥᠮᠵᠢ ᠤᠯᠪᠠ᠃ | ᠲᠥᠯᠥᠭᠡᠯᠡᠭᠴᠢᠳ ᠡ᠂ 2013 ᠤᠨᠳᠤ ᠠᠵᠤ ᠠᠬᠤᠢ ᠶᠢᠨ ᠪᠦᠬᠦᠶᠢᠯᠡ ᠴᠣᠭᠴᠠ ᠶᠢᠨ ᠬᠦᠭᠵᠢᠯᠲᠡ | ᠣᠳᠠᠭᠠᠰᠢᠷᠠᠭᠰᠠᠨ ᠪᠠᠶᠢᠳᠠᠯ ᠲᠤᠤᠷ᠎ᠠ᠂ ᠪᠦᠬᠦ ᠬᠤᠰᠢᠭᠤ ᠪᠠᠷ ᠢᠶᠠᠨ ᠯᠠᠪᠳᠠᠭᠤᠨ ᠪᠠᠲᠣᠲᠠᠢ ᠪᠠᠷ | ᠨᠠᠶᠢᠲᠠᠪᠣᠷᠢᠵᠢᠭᠤᠯᠣᠯᠲᠠ ᠶᠢ ᠡᠷᠴᠢᠮᠲᠠᠢ ᠠᠳᠬᠤᠵᠤ᠂ ᠠᠵᠣ ᠠᠬᠤᠢ ᠨᠠᠶᠢᠬᠡᠮ ᠤᠨᠬᠦ᠋ᠭᠵᠢᠯᠲᠡ ᠲᠤᠮᠳᠠᠬᠢ ᠵᠦᠷᠢᠴᠡᠯ | ᠪᠤᠯᠤᠨ ᠠᠰᠠᠭᠤᠳᠠᠯ ᠢ ᠪᠥᠲᠥᠮᠵᠢᠲᠡᠢ ᠰᠢᠢᠳᠪᠤᠷᠢᠯᠡᠭᠰᠡᠨ ᠠᠴᠠ ᠠᠵᠤ ᠠᠬᠤᠢ ᠶᠢᠨ ᠭᠤᠣᠯ ᠵᠢᠭᠠᠯᠲᠡ ᠶᠢᠨ ᠨᠡᠮᠡᠭᠳᠡᠯ | ᠤᠨ ᠬᠤᠷᠳᠤᠴᠠ ᠥᠷᠬᠦᠯᠵᠢᠯᠡᠨ ᠪᠦᠬᠦ ᠬᠤᠲᠠ ᠶᠢᠨ ᠳᠡᠭᠰᠢᠳᠭᠡᠭᠰᠡᠨ ᠬᠢᠷᠢ ᠲᠥᠪᠰᠢᠨ ᠠᠴᠠ ᠥᠨᠲᠥᠷ ᠪᠤᠯᠵᠤ᠂ | ᠭᠠᠵᠠᠷ ᠤᠷᠤᠨ ᠤ ᠥᠢᠯᠡᠳᠪᠤᠷᠢᠯᠠᠯ ᠤᠨ ᠶᠡᠷᠥᠩᠬᠡᠢ ᠥᠷᠳᠡᠭ ᠤᠨ ᠨᠡᠮᠡᠭᠳᠡᠯ ᠪᠠ ᠮᠠᠯᠴᠢᠨ ᠲᠠᠷᠢᠶᠠᠴᠢᠳ ᠤᠨ ᠬᠦᠮᠥᠨ | ᠲᠤᠮᠳᠠᠴᠢ ᠶᠢᠨ ᠴᠡᠪᠡᠷ ᠤᠷᠤᠯᠭ᠎ᠠ ᠪᠦᠬᠦ ᠬᠤᠳᠠ ᠳᠤ ᠪᠠᠨ ᠣᠷᠣᠶᠢᠯᠠᠨ᠂ ᠡᠳ᠋ ᠤᠨ ᠵᠠᠰᠠᠭ ᠤᠨ ᠣᠷᠣᠯᠭ᠎ᠠ2012 | ᠣᠨ ᠳᠤ ᠪᠦᠬᠦ ᠣᠷᠣᠨ ᠤ 102 ᠬᠤᠰᠢᠭᠤ ᠰᠢᠶᠠᠨ ᠤ ᠲᠣᠲᠣᠷ᠎ᠠ 33 ᠳ᠋ᠣᠭᠠᠷ ᠲᠤ ᠪᠠᠶᠢᠭᠰᠠᠨ ᠠᠴᠠ ᠪᠠᠨ30 | ᠳ᠋ᠣᠭᠠᠷ ᠲᠤ ᠲᠠᠪᠰᠢᠪᠠ᠃ ︽ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠬᠤᠰᠢᠭᠤ︾᠂ ᠥᠪᠡᠷᠳᠡᠭᠡᠨ ᠵᠠᠰᠠᠬᠤ | ᠤᠷᠤᠨ ᠤ ︽ᠪᠤᠯᠪᠠᠰᠤᠨ ᠬᠤᠰᠢᠭᠤ︾ ᠪᠠ ︽ᠴᠡᠴᠡᠷᠯᠢᠭᠵᠢᠬᠦᠯᠭᠡ ᠶᠢᠨ ᠨᠡᠷᠡᠲᠣ ᠬᠤᠰᠢᠭᠤ︾ ᠪᠠᠷ ᠥᠨᠡᠯᠡᠭᠳᠡᠪᠡ᠃ | ᠬᠤᠰᠢᠭᠤ ᠲᠠᠶᠠᠭᠠᠷ ᠤᠨ ᠰᠢᠷᠭᠠᠭᠤ ᠴᠢᠷᠮᠠᠶᠢᠯᠭ᠎ᠠ ᠪᠠᠷ ᠲᠡᠮᠵᠢᠨ᠂ ᠬᠤᠳᠠ ᠬᠦᠳᠡᠭᠡ ᠶᠢ ᠨᠢᠭᠡᠳᠤᠯᠲᠡᠢ | ᠲᠥᠯᠥᠪᠵᠢᠬᠦᠯᠥᠨ ᠬᠦᠭᠵᠢᠬᠦᠯᠬᠦ ᠲᠤᠷᠰᠢᠯᠳᠠ ᠶᠢᠨ ᠴᠡᠭ ᠤᠨ ᠪᠥᠲᠥᠬᠡᠨ ᠪᠠᠶᠢᠭᠤᠯᠤᠯᠳᠠ ᠢᠳᠡᠷᠡᠭᠦᠨ ᠠᠯᠬᠤᠭ᠎ᠠ ᠪᠠᠷ | ᠲᠠᠪᠰᠢᠵᠤ᠂ ᠬᠤᠳᠠ ᠬᠦᠳᠡᠭᠡ ᠶᠢᠨ ᠴᠤᠭᠴᠠᠵᠢᠭᠰᠠᠨ ᠬᠦᠭᠵᠢᠯᠲᠡ ᠳᠤ ᠵᠠᠮ ᠨᠡᠭᠡᠭᠡᠨ᠂ ᠰᠠᠭᠤᠷᠢ ᠪᠠᠬᠢᠵᠢᠬᠦᠯᠵᠤ᠂ | ᠲᠤᠷᠰᠢᠯᠭ᠎ᠠ ᠬᠤᠷᠠᠮᠳᠤᠭᠤᠯᠪᠠ᠃ ᠡᠳᠡᠭᠡᠷ ᠠᠮᠵᠢᠯᠲᠡ ᠪᠤᠯ ᠬᠤᠰᠢᠭᠤ ᠨᠠᠮ ᠤᠨ ᠬᠤᠷᠢᠶ᠎ᠠ ᠪᠦᠬᠦ ᠲᠠᠯ᠎ᠠ ᠶᠢ ᠡᠵᠡᠮᠳᠡᠵᠤ | ᠂ ᠵᠥᠪ ᠤᠨᠥᠪᠴᠢᠲᠡᠢ ᠤᠳᠤᠷᠢᠳᠤᠭᠰᠠᠨ ᠤ ᠥᠷ᠎ᠡ ᠳ᠋ᠥᠩ ᠮᠦᠨ᠂ ᠬᠤᠰᠢᠭᠤ ᠬᠡᠳᠤᠨ ᠶᠡᠭᠡ ᠪᠠᠭ ᠰᠡᠳᠬᠢᠯ | ᠨᠢᠬᠡᠳᠴᠣ ᠬᠦᠴᠦ ᠬᠠᠮᠲᠣᠳᠬᠠᠨ᠂ ᠪᠥᠯᠬᠦᠮᠳᠡᠨ ᠳᠡᠮᠡᠴᠡᠭᠰᠡᠨ ᠤ ᠥᠷ᠎ᠡ ᠳ᠋ᠥᠩ ᠮᠦᠨ᠂ ᠨᠡᠩ ᠴᠣ᠋ ᠪᠦᠬᠦ ᠬᠤᠰᠢᠭᠤ | ᠪᠠᠷ ᠢᠶᠠᠨ ᠬᠠᠲᠠᠭᠤᠵᠢᠯᠲᠠᠢ ᠥᠢᠯᠡᠰ ᠪᠥᠲᠥᠭᠡᠨ᠂ ᠬᠠᠮᠲᠤ ᠪᠠᠷ ᠴᠢᠷᠮᠠᠶᠢᠭᠰᠠᠨ ᠤ ᠥᠷ᠎ᠡ ᠳ᠋ᠥᠩ ᠮᠥᠨ᠃ ᠠᠳᠡ ᠪᠢ | ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠵᠤ᠂ ᠪᠦᠬᠦ ᠬᠤᠰᠢᠭᠤᠨ ᠤ ᠡᠯ᠎ᠡ ᠥᠨᠳᠤᠰᠤᠳᠠᠨ ᠤ | ᠺᠠᠳ᠋ᠷ ᠤᠯᠠᠨ ᠲᠥᠮᠡᠨ ᠪᠠ ᠤᠲᠤᠭ ᠤᠨ ᠡᠮᠤᠨᠡᠲᠤ ᠬᠤᠰᠢᠭᠤᠨ ᠤ ᠪᠠᠶᠢᠭᠤᠯᠤᠯᠳᠠ ᠬᠦᠭᠵᠢᠯᠲᠡ ᠶᠢ ᠬᠠᠯᠠᠮᠵᠢᠯᠠᠨ | ᠲᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠳᠡᠭᠡᠳ ᠲᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ | ᠤᠨ ᠲᠠᠯᠠᠷᠬᠠᠯ ᠢᠶᠠᠨ ᠳᠡᠪᠰᠢᠬᠦᠯᠵᠤ ᠪᠠᠶᠢᠨ᠎ᠠ᠃ | ᠪᠢᠲᠡ ᠠᠮᠵᠢᠯᠲᠡ ᠪᠠᠨ ᠨᠤᠳᠠᠯᠠᠬᠤ ᠶᠢᠨ ᠬᠠᠮᠲᠤ ᠤᠷᠤᠰᠢᠵᠤ ᠪᠠᠶᠢᠭ᠎ᠠᠠᠰᠠᠭᠤᠳᠠᠯ᠂ ᠲᠣᠯᠭᠠᠷᠠᠵᠣ ᠪᠠᠶᠢᠭ᠎ᠠ | ᠬᠦᠴᠢᠷᠳᠡᠯ ᠢ ᠰᠡᠷᠭᠡᠭ ᠢᠶᠠᠷ ᠲᠠᠨᠢᠬᠤ ᠬᠡᠷᠡᠭᠲᠡᠢ᠃ ᠬᠦᠭᠵᠢᠯᠲᠡ ᠬᠦᠢᠴᠡᠳ ᠪᠣᠰᠣ᠂ ᠠᠵᠣ ᠦᠢᠯᠡᠰ ᠤᠨ ᠲᠡᠰ | ᠳᠠᠪᠬᠤᠷᠭ᠎ᠠ ᠲᠣᠣᠷ᠎ᠠ᠂ ᠠᠵᠣ ᠠᠬᠤᠢ ᠶᠢᠨ ᠶᠡᠷᠣᠩᠬᠡᠢ ᠬᠡᠮᠵᠢᠶ᠎ᠡ ᠪᠠᠭ᠎ᠠ ᠪᠠᠶᠢᠬᠤ ᠨᠢ ᠮᠦᠨ ᠯᠠ ᠬᠤᠰᠢᠭᠤᠨ ᠤ | ᠦᠨᠳᠣᠰᠣᠨ ᠪᠠᠶᠢᠳᠠᠯ ᠪᠠᠶᠢᠭᠰᠠᠭᠠᠷ︔ ᠠᠵᠤ ᠦᠢᠯᠡᠳᠪᠣᠷᠢ ᠶᠢᠨ ᠠᠵᠤ ᠠᠬᠤᠢ ᠮᠥᠨ ᠡᠬᠢᠯᠡᠯᠲᠡ ᠶᠢᠨ ᠱᠠᠳᠤᠨ | ᠳᠤ ᠪᠠᠨ ᠪᠠᠶᠢᠵᠤ᠂ ᠨᠡᠬᠦᠷᠡᠰᠤᠨᠵᠠᠬᠠ ᠳᠡᠯᠭᠡᠭᠦᠷ ᠤᠨ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠳᠤ ᠬᠢ | ᠨᠦᠯᠦᠬᠡ ᠶᠡᠭᠡ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠡᠩᠴᠡᠬᠦᠷᠢ ᠶᠢᠨ ᠵᠥᠷᠢᠶ᠎ᠡ ᠲᠣᠪᠣᠶᠢᠮ᠎ᠠ ᠪᠣᠢ︔ | ᠬᠤᠳᠠ ᠪᠠ ᠬᠦᠳᠡᠭᠡ᠂ ᠠᠵᠣ ᠠᠬᠤᠢ ᠪᠠ ᠨᠠᠶᠢᠬᠡᠮ ᠤᠨ ᠬᠦᠭᠵᠢᠯᠲᠠ ᠵᠣᠬᠢᠴᠠᠩᠭᠤᠢ ᠪᠣᠰᠣ᠂ ᠭᠡᠰᠡᠭ ᠪᠥᠯᠥᠭᠠᠷᠠᠳ | ᠤᠨ ᠠᠮᠢᠳᠤᠷᠠᠯ ᠨᠡᠯᠢᠶᠡᠳ ᠬᠦᠴᠢᠷᠲᠡᠢ᠂ ᠤᠷᠳᠤ ᠬᠤᠭᠤᠴᠠᠭ᠎ᠠ ᠬᠦᠰᠡᠨ ᠬᠦᠯᠢᠶᠡᠭᠰᠡᠨ ᠴᠠᠬᠢᠯᠭᠠᠨ ᠬᠦᠴᠦᠨ ᠤ | ᠪᠠᠭᠲᠠᠭᠠᠮᠵᠢ ᠨᠡᠮᠡᠭᠳᠡᠬᠦᠯᠬᠦ ᠪᠤᠯᠤᠨ ᠭᠠᠳᠠᠭᠰᠢ ᠳᠤᠳᠤᠭᠰᠢ ᠶᠠᠪᠤᠬᠤ ᠳᠤ ᠬᠦᠴᠢᠷᠲᠡᠢ ᠠᠰᠠᠭᠤᠳᠠᠯ ᠢ ᠪᠥᠷᠢᠮᠥᠰᠤᠨ | ᠰᠢᠢᠳᠪᠤᠷᠢᠯᠡᠵᠤ ᠲᠡᠶᠢᠯᠥᠭᠡᠳᠤᠢ᠂ ᠰᠤᠷᠭᠠᠨ ᠬᠦᠮᠥᠵᠢᠯ᠂ ᠡᠮ ᠡᠮᠨᠡᠯᠬᠡ᠂ ᠨᠡᠶᠢᠬᠡᠮ ᠤᠨ ᠪᠠᠲᠤᠯᠠᠭ᠎ᠠ ᠪᠠ ᠢᠳᠡᠭᠡᠨ | ᠤᠮᠳᠠᠭᠠᠨ ᠤ ᠠᠮᠤᠷ ᠲᠥᠪᠰᠢᠨ ᠵᠡᠷᠭᠡ ᠶᠢ ᠴᠢᠩᠭᠠᠳᠬᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠣᠢ᠃ ᠠᠮᠢ | ᠠᠬᠤᠢ ᠶᠢᠨ ᠤᠷᠴᠢᠨ ᠲᠤᠭᠤᠷᠢᠨ ᠪᠦᠬᠦᠯᠢ ᠴᠤᠭᠴᠠ ᠪᠠᠷ ᠢᠶᠠᠨ ᠨᠡᠯᠢᠶᠡᠤᠨ ᠬᠡᠪᠡᠷᠡᠭ᠂ ᠦᠴᠦᠬᠡᠨ ᠰᠣᠯᠠᠳᠬᠠᠪᠠᠯ | ᠠᠬᠢᠨ ᠮᠠᠭᠤᠳᠠᠬᠤ ᠪᠤᠯᠤᠮᠵᠢ ᠲᠠᠢ ᠪᠣᠢ᠃ ᠡᠬᠦᠨ ᠤ ᠬᠠᠮᠲᠤ᠂ ︽ᠲᠥᠷᠪᠡᠨ ᠰᠤᠷᠳᠠᠯ︾ ᠤᠨ ᠠᠰᠠᠭᠤᠳᠠᠯ ᠵᠠᠰᠠᠭ | ᠤᠨ ᠤᠷᠳᠤᠨ ᠠᠯᠪᠠᠨ ᠪᠠᠶᠢᠭᠤᠯᠭ᠎ᠠ ᠶᠢᠨ ᠡᠩᠨᠡᠭᠡᠨ ᠲᠤᠮᠳᠠ ᠠᠳᠠᠯᠢ ᠪᠤᠰᠤ ᠬᠡᠮᠵᠢᠶ᠎ᠡ ᠲᠠᠢ ᠣᠷᠣᠰᠢᠵᠣ ᠪᠣᠢ᠃ | ᠡᠳᠡᠭᠡᠷ ᠠᠰᠠᠭᠤᠳᠠᠯ ᠢ ᠪᠢᠲᠠ ᠠᠩᠬᠠᠷᠣᠨ ᠴᠢᠬᠤᠯᠠᠴᠢᠯᠠᠵᠣ᠂ ᠡᠷᠴᠢᠮᠲᠡᠢ ᠠᠷᠭ᠎ᠠ ᠬᠡᠮᠵᠢᠶ᠎ᠡ ᠠᠪᠴᠤ᠂ ᠨᠠᠷᠢᠨ | ᠬᠢᠨᠠᠮᠠᠭᠠᠢ ᠰᠢᠢᠳᠪᠤᠷᠢᠯᠡᠬᠦ ᠴᠢᠬᠤᠯᠠ ᠲᠠᠢ ᠪᠠᠶᠢᠨ᠎ᠠ᠃ | ᠬᠤᠶᠠᠷ᠂ ᠥᠨᠥ ᠵᠢᠯ ᠤᠨ ᠠᠵᠢᠯ ᠤᠨ ᠭᠤᠣᠯ ᠡᠬᠦᠷᠬᠡ | 2014 ᠤᠨ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ | ᠬᠤᠷᠠᠯᠳᠤᠭᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠥᠭᠡᠷᠡᠴᠢᠯᠠᠯᠳᠠ ᠬᠦᠭᠵᠢᠬᠦᠯᠥᠯᠲᠡ ᠶᠢ ᠪᠦᠬᠦ | ᠲᠠᠯ᠎ᠠ ᠪᠠᠷ ᠬᠦᠨᠵᠡᠭᠡᠶᠢᠷᠡᠬᠦᠯᠬᠦ ᠠᠩᠬᠠᠨ ᠤ ᠵᠢᠯ᠂ ᠮᠥᠨᠴᠤ ᠥᠪᠡᠷᠳᠡᠭᠡᠨ ᠵᠠᠰᠠᠬᠤ ᠤᠷᠤᠨ ᠤ ︽8337︾ | ᠬᠦᠭᠵᠢᠯᠲᠡ ᠶᠢᠨ ᠰᠡᠳᠬᠢᠮᠵᠢ ᠶᠢ ᠨᠠᠶᠢᠳᠠᠪᠤᠷᠢᠵᠢᠭᠤᠯᠬᠤ᠂ ᠬᠤᠳᠠ ᠬᠦᠳᠡᠭᠡ ᠶᠢ ᠨᠢᠭᠡᠲᠥᠯᠲᠡᠢ ᠲᠥᠯᠥᠪᠵᠢᠬᠦᠯᠬᠦ | ᠪᠥᠲᠥᠬᠡᠨ ᠪᠠᠶᠢᠭᠤᠯᠤᠯᠳᠠ ᠶᠢᠨ ᠥᠷ᠎ᠡ ᠪᠥᠲᠥᠮᠵᠢ ᠶᠢ ᠪᠠᠬᠢᠵᠢᠬᠦᠯᠥᠨ ᠳᠡᠭᠡᠭᠰᠢᠯᠡᠬᠦᠯᠬᠦ ᠵᠠᠩᠬᠢᠯᠠᠭ᠎ᠠ ᠶᠢᠨ ᠵᠢᠯ | ᠪᠤᠯᠤᠨ᠎ᠠ᠃ ᠥᠨᠥ ᠵᠢᠯ ᠤᠨ ᠡᠯ᠎ᠡ ᠵᠥᠢᠯ ᠤᠨ ᠠᠵᠢᠯ ᠢᠶᠠᠨ ᠰᠠᠶᠢᠲᠤᠷ ᠬᠢᠬᠦ ᠳᠤ᠂ ᠠᠵᠠ ᠲᠤᠬᠢᠶᠠᠯ ᠪᠤᠯᠤᠨ | ᠠᠰᠢᠭᠲᠡᠢ ᠨᠦᠬᠦᠴᠡᠯ ᠢ ᠪᠠᠲᠤ ᠡᠵᠡᠮᠳᠡᠬᠦ ᠬᠡᠷᠡᠭᠲᠡᠢ᠃ ᠤᠯᠤᠰ ᠠᠴᠠ ᠴᠢᠬᠤᠯᠠ ᠶᠡᠭᠡ ᠲᠥᠷᠥᠯ ᠵᠥᠢᠯ ᠤᠨ | ᠬᠠᠮᠢᠶᠠᠷᠤᠯᠳᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠲᠤᠮᠤ ᠲᠥᠷᠥᠯ ᠵᠥᠢᠯ ᠤᠨ ᠪᠠᠶᠢᠭᠤᠯᠤᠯᠳᠠ ᠶᠢ | ᠬᠦᠨᠵᠡᠭᠡᠢ ᠬᠢᠨᠠᠨ ᠬᠠᠮᠢᠶᠠᠷᠴᠤ᠂ ᠴᠤᠬᠤᠯᠠᠪᠤᠷᠢᠯᠠᠯ ᠢ ᠡᠷᠭᠡᠰᠢᠶᠡᠬᠦ ᠠᠴᠠ ᠬᠤᠪᠢᠷᠠᠭᠤᠯᠤᠭᠠᠳ ᠲᠥᠯᠥᠪᠵᠢᠬᠦᠯᠭᠡ ᠶᠢ | ᠡᠷᠭᠡᠰᠢᠶᠡᠬᠦ ᠪᠤᠯᠭᠠᠪᠠ᠃ ᠡᠳᠡᠭᠡᠷ ᠵᠢᠯ ᠪᠢᠲᠡ ᠤᠷᠢᠳ ᠢᠶᠠᠷ ᠲᠥᠯᠥᠪᠵᠢᠬᠦᠯᠬᠡ ᠲᠤᠭᠳᠠᠭᠠᠬᠤ ᠶᠢ ᠢᠮᠠᠭᠳᠠ | ᠴᠢᠬᠤᠯᠠᠴᠢᠯᠠᠵᠤ᠂ ᠱᠠᠩᠬᠠᠢ ᠶᠢᠨ ᠰᠥᠮ᠎ᠠ ᠡᠨᠧᠷᠬᠢ ᠬᠢᠮᠢ ᠶᠢᠨ ᠠᠵᠤ ᠥᠢᠯᠡᠳᠪᠤᠷᠢ ᠶᠢᠨ ᠰᠠᠭᠤᠷᠢᠨ ᠭᠠᠵᠠᠷ ᠤᠨ | ᠪᠥᠷᠢᠨ ᠪᠥᠳᠤᠨ ᠲᠥᠯᠥᠪᠵᠢᠬᠦᠯᠭᠡ ᠶᠢᠨ ᠰᠢᠰᠲ᠋ᠧᠮ ᠢ ᠪᠥᠷᠢᠯᠳᠥᠬᠦᠯᠥᠭᠰᠡᠨ ᠠᠴᠠ᠂ ᠲᠥᠷᠥᠯ ᠵᠥᠢᠯ ᠢ | ᠴᠤᠬᠤᠯᠠᠪᠤᠷᠢᠯᠠᠭᠤᠯᠬᠤ ᠲᠡᠷᠢᠬᠦᠨ ᠤ ᠲᠤᠬᠢᠶᠠᠯ ᠤᠯᠵᠤ ᠰᠢᠨ᠎ᠠ ᠡᠬᠡᠯᠵᠢ ᠶᠢᠨ ᠬᠦᠭᠵᠢᠯᠲᠡ ᠶᠢᠨ ᠰᠠᠨᠠᠭᠠᠴᠢᠯᠠᠭᠠᠲᠤ | ᠪᠠᠶᠢᠷᠢ ᠶᠢ ᠡᠵᠡᠯᠡᠭᠰᠡᠨ ᠪᠠᠶᠢᠨ᠎ᠠ᠃ ᠤᠯᠤᠰ ᠤᠨ ᠠᠭᠠᠷ ᠮᠠᠨᠳᠠᠯ ᠤᠨ ᠪᠤᠬᠢᠷᠳᠤᠯ ᠵᠠᠰᠠᠬᠤ᠂ ᠥᠪᠡᠷᠳᠡᠭᠡᠨ ᠵᠠᠰᠠᠬᠤ | ᠤᠷᠤᠨ ᠤ ︽ᠲᠠᠪᠤᠨ ᠶᠡᠭᠡ ᠰᠠᠭᠤᠷᠢᠨ ᠭᠠᠵᠠᠷ ᠪᠠᠶᠢᠭᠤᠯᠬᠤ︾᠂ ᠤᠷᠳᠤᠰ ᠬᠤᠳᠠ ᠪᠤᠯᠪᠠᠰᠤᠷᠠᠩᠭᠤᠢ ᠡᠬᠢ ᠪᠠᠶᠠᠯᠢᠭ | ᠤᠨ ᠬᠤᠳᠠ ᠪᠤᠯᠤᠭᠰᠠᠨ ᠵᠡᠷᠭᠡ ᠰᠢᠷᠢᠰ ᠲᠥᠷᠥ ᠶᠢᠨ ᠪᠤᠳᠤᠯᠭ᠎ᠠ ᠶᠢᠨ ᠲᠤᠬᠢᠷᠠᠭᠤᠯᠭ᠎ᠠ ᠶᠢᠨ ᠲᠤᠬᠢᠶᠠᠯ ᠤᠨ ᠬᠠᠮᠲᠤ᠂ | ᠥᠢᠷ᠎ᠡ ᠶᠢᠨ ᠵᠢᠯ ᠳᠤ ᠮᠠᠨ ᠤ ᠬᠤᠰᠢᠭᠤ ᠪᠦᠬᠦ ᠬᠦᠴᠦᠨ ᠢᠶᠠᠷ ᠤᠰᠤ ᠴᠠᠬᠢᠯᠭᠠᠨ ᠵᠠᠮ ᠨᠡᠪᠳᠡᠷᠡᠬᠦᠯᠭᠡ᠂ ᠴᠠᠬᠢᠯᠭᠠᠨ | ᠭᠥᠴᠥᠨ ᠤ ᠬᠦᠷᠭᠡᠯᠲᠡ ᠵᠡᠷᠭᠡ ᠤᠷᠳᠤ ᠬᠤᠭᠤᠴᠠᠭᠠᠨ ᠤ ᠲᠤᠷᠰᠢ ᠬᠦᠭᠵᠢᠯᠲᠡ ᠶᠢ ᠬᠢᠵᠠᠭᠠᠷᠯᠠᠭᠰᠠᠭᠠᠷ ᠢᠷᠡᠭᠰᠡᠨ | ᠵᠠᠩᠬᠢᠯᠠᠭ᠎ᠠ ᠶᠢᠨ ᠭᠤᠭᠴᠤᠭ᠎ᠠ ᠨᠤᠭᠤᠳ ᠢ ᠰᠢᠪᠳᠤᠯᠤᠭᠰᠠᠨ ᠨᠢ ᠳᠤᠳᠤᠷ᠎ᠠ ᠭᠠᠳᠠᠨ᠎ᠠ ᠶᠢᠨ ᠡᠯᠧᠮᠧᠨ᠋ᠲ ᠤᠨ | ᠬᠠᠷᠢᠯᠴᠠᠨ ᠨᠦᠬᠦᠪᠤᠷᠢᠯᠡᠭᠰᠡᠨ ᠤ ᠥᠷ᠎ᠡ ᠳ᠋ᠥᠩ ᠶᠤᠮ᠃ ᠡᠨᠡ ᠨᠢ ᠮᠠᠨ ᠤ ᠬᠤᠰᠢᠭᠤᠨ ᠤ ᠪᠤᠬᠢᠷᠳᠤᠯ ᠥᠬᠡᠢ | ᠡᠨᠧᠷᠬᠢ ᠶᠢᠨ ᠬᠦᠭᠵᠢᠬᠦᠯᠥᠯᠲᠡ ᠪᠤᠯᠤᠨ ᠤᠳᠤᠬᠢᠴᠢᠯᠠᠭᠰᠠᠨ ᠨᠡᠭᠦᠷᠡᠰᠤ᠂ ᠬᠢᠮᠢ ᠶᠢᠨ ᠠᠵᠤ ᠥᠢᠯᠡᠳᠪᠤᠷᠢ ᠶᠢᠨ | ᠥᠢᠯᠡᠰ ᠲᠤ ᠨᠡᠩ ᠥᠷᠭᠡᠨ ᠳᠡᠯᠭᠡᠷ ᠬᠦᠭᠵᠢᠯᠲᠡ ᠶᠢᠨ ᠤᠷᠤᠨ ᠵᠠᠢ ᠬᠠᠩᠭᠠᠬᠤ ᠨᠢ ᠯᠡᠪᠲᠡᠢ ᠶᠤᠮ᠃ ᠡᠬᠦᠨ ᠠᠴᠠ | ᠭᠠᠳᠠᠨ᠎ᠠ᠂ ᠨᠡᠭᠦᠷᠡᠰᠤᠨ ᠵᠠᠬ᠎ᠠ ᠳᠡᠯᠭᠡᠬᠦᠷ ᠤᠨ ᠬᠡᠷᠡᠭᠴᠡᠭᠡ ᠪᠠᠭᠤᠷᠠᠵᠤ᠂ ᠨᠡᠬᠦᠷᠡᠰᠤᠨ ᠠᠵᠤ ᠥᠢᠯᠡᠰ ᠤᠨ ᠠᠰᠢᠭ | ᠬᠤᠨᠵᠢᠪᠤᠷᠢ ᠶᠢᠨ ᠤᠷᠤᠨ ᠵᠠᠢ ᠢᠪᠴᠤᠷᠠᠭᠰᠠᠨ ᠪᠠᠶᠢᠳᠠᠯ ᠲᠥᠷ ᠴᠠᠭ ᠤᠨ ᠳᠤᠳᠤᠷ᠎ᠠ ᠥᠨᠳᠤᠰᠤᠨ ᠬᠤᠪᠢᠷᠠᠯᠳᠠ | ᠭᠠᠷᠬᠤ ᠥᠬᠡᠢ ᠲᠤᠯᠠ ᠡᠨᠧᠷᠬᠢ ᠶᠢᠨ ᠠᠵᠤ ᠠᠬᠤᠶᠢᠯᠠᠯ ᠵᠠᠬ᠎ᠠ ᠳᠡᠯᠭᠡᠭᠦᠷ ᠤᠨ ᠬᠤᠪᠢᠷᠠᠯᠳᠠ ᠳᠤ ᠰᠢᠬᠠᠮᠳᠠᠨ | ᠡᠷᠬᠢᠯᠲᠡ ᠶᠢᠨ ᠴᠢᠨᠠᠷ ᠲᠠᠢ ᠲᠠᠪᠰᠢᠬᠤ ᠤᠷᠤᠨ ᠵᠠᠢ ᠡᠷᠢᠯᠬᠢᠯᠡᠵᠤ᠂ ᠪᠡᠯᠡ ᠤᠷᠤᠭᠤᠯᠤᠯᠳᠠ ᠶᠢᠨ ᠭᠤᠤᠯᠳᠠᠯᠭ᠎ᠠ ᠪᠠᠨ | ᠨᠡᠬᠦᠷᠡᠰᠤᠨ ᠴᠠᠬᠢᠯᠭᠠᠨ᠂ ᠨᠡᠬᠦᠷᠡᠰᠤ ᠬᠢᠮᠢ ᠶᠢᠨ ᠠᠵᠤ ᠥᠢᠯᠡᠰ ᠳᠤ ᠰᠢᠯᠵᠢᠬᠦᠯᠬᠦ ᠢᠳᠡᠪᠬᠢᠵᠢᠯ ᠨᠡᠮᠡᠭᠳᠡᠭᠰᠡᠨ ᠨᠢ᠂ | ᠨᠡᠬᠦᠷᠡᠰᠤ ᠴᠠᠬᠢᠯᠭᠠᠨ ᠬᠢᠮᠢ ᠶᠢᠨ ᠲᠥᠷᠥᠯ ᠵᠥᠢᠯ ᠤᠨ ᠤᠷᠤᠨᠵᠢᠯᠳᠠ ᠶᠢ ᠲᠥᠷᠭᠡᠳᠬᠡᠵᠤ᠂ ᠠᠵᠤ ᠥᠢᠯᠡᠰ ᠤᠨ | ᠰᠥᠷᠥᠭᠵᠢᠯᠳᠤ ᠬᠦᠭᠵᠢᠯᠲᠡ ᠶᠢ ᠠᠬᠢᠭᠤᠯᠬᠤ ᠳᠤ ᠪᠠᠲᠤ ᠰᠠᠭᠤᠷᠢ ᠲᠠᠯᠪᠢᠭᠰᠠᠨ ᠪᠠᠶᠢᠨ᠎ᠠ᠃ ᠶᠡᠷᠥᠩᠬᠡᠶᠢᠯᠡᠨ ᠵᠠᠳᠠᠯᠪᠠᠯ | ᠂ ᠮᠠᠨ ᠤ ᠬᠤᠰᠢᠭᠤᠨ ᠤ ᠬᠦᠭᠵᠢᠯᠲᠡ ᠶᠢᠨ ᠰᠠᠭᠤᠷᠢ᠂ ᠠᠵᠠ ᠲᠤᠬᠢᠶᠠᠯ᠂ ᠲᠠᠪᠠᠭᠤᠯᠢᠭ ᠳᠤᠪᠤᠶᠢᠮ᠎ᠠ ᠪᠠᠶᠢᠵᠤ᠂ | ᠪᠦᠬᠦ ᠬᠤᠳᠠ ᠳᠤ ᠪᠠᠨ ᠠᠵᠤ ᠠᠬᠤᠢ ᠶᠢᠨ ᠲᠠᠷᠤᠯᠳᠠ ᠶᠢᠨ ᠨᠥᠯᠥᠬᠡ ᠬᠠᠷᠢᠴᠠᠩᠭᠤᠢ ᠪᠠᠭ᠎ᠠ᠂ ᠬᠦᠭᠵᠢᠬᠦ ᠲᠠᠯᠳᠠ | ᠬᠦᠴᠤᠨ ᠬᠠᠮᠤᠭ ᠰᠠᠶᠢᠨ ᠤᠷᠤᠨ ᠪᠤᠯᠬᠤ ᠶᠤᠮ᠃ ᠪᠢᠳᠠ ᠢᠳᠡᠭᠡᠯ ᠢᠶᠠᠨ ᠬᠦᠪᠴᠢᠯᠡᠵᠤ᠂ ᠳᠠᠪᠠᠭᠤᠯᠢᠭ ᠢᠶᠠᠨ | ᠪᠠᠳᠠᠷᠠᠭᠤᠯᠤᠨ᠂ ᠬᠦᠴᠢᠷ ᠢ ᠰᠢᠪᠳᠤᠯᠪᠡᠯ ᠠᠵᠤ ᠠᠬᠤᠢ ᠨᠡᠶᠢᠬᠡᠮ ᠨᠡᠩ ᠥᠨᠳᠤᠷ ᠴᠢᠨᠠᠷ ᠴᠢᠨᠰᠠᠭ᠎ᠠ ᠲᠠᠢ᠂ ᠨᠡᠩ | ᠥᠨᠳᠤᠷ ᠵᠡᠷᠭᠡ ᠲᠡᠰ ᠳᠤ ᠲᠠᠪᠰᠢᠬᠤ ᠨᠢ ᠲᠠᠮᠵᠢᠭ ᠥᠬᠡᠢ᠃ | ᠵᠠᠰᠠᠭ ᠤᠨ ᠤᠷᠳᠤᠨ ᠤ ᠠᠵᠢᠯ ᠤᠨ ᠶᠡᠷᠥᠩᠬᠡᠢ ᠰᠡᠳᠬᠢᠮᠵᠢ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠤᠷᠢᠭ ᠰᠠᠨᠠᠭ᠎ᠠ ᠪᠠ | ᠥᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠴᠡ ᠶᠢ ᠬᠦᠨᠵᠡᠭᠡᠢ ᠨᠠᠶᠢᠳᠠᠪᠤᠷᠢᠵᠢᠭᠤᠯᠤᠨ | ᠂ ᠬᠤᠳᠠ ᠶᠢᠨ ᠨᠠᠮ ᠤ ᠬᠤᠷᠢᠶᠠᠨ ᠤ ᠭᠤᠷᠪᠠᠳᠤᠭᠠᠷ ᠬᠤᠭᠤᠴᠠᠭᠠᠨ ᠤ ᠲᠥᠷᠪᠡᠳᠤᠭᠡᠷ ᠬᠤᠷᠠᠯᠳᠤᠭᠠᠨ ᠵᠢᠴᠢ ᠠᠵᠤ | ᠠᠬᠤᠢ ᠶᠢᠨ ᠠᠵᠢᠯ ᠤᠨ ᠬᠤᠷᠠᠯᠳᠤᠭᠠᠨ ᠪᠠ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠥᠷᠪᠡᠳᠤᠭᠡᠷ ᠤᠳᠠᠭᠠᠨ ᠤ ᠪᠦᠬᠦ ᠬᠡᠰᠢᠭᠦᠳ ᠤᠨ | ︵ᠥᠷᠭᠡᠳᠬᠡᠭᠰᠡᠨ ᠬᠤᠷᠠᠯ︶ ᠬᠤᠷᠠᠯᠳᠤᠭᠠᠨ ᠪᠠ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠲᠤᠬᠢᠷᠠᠭᠤᠯᠭ᠎ᠠ | ᠶᠢ ᠥᠨᠳᠤᠰᠤᠯᠡᠵᠤ᠂ ᠥᠭᠡᠷᠡᠴᠢᠯᠠᠯᠳᠠ ᠰᠢᠨᠡᠴᠢᠯᠠᠯᠳᠠ ᠶᠢᠨ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠱᠠᠩᠬᠠᠢ ᠶᠢᠨ ᠰᠥᠮ᠎ᠠ ᠡᠨᠧᠷᠬᠢ ᠬᠢᠮᠢ ᠶᠢᠨ ᠠᠵᠤ ᠥᠢᠯᠡᠳᠪᠤᠷᠢ ᠶᠢᠨ ᠰᠠᠭᠤᠷᠢᠨ ᠭᠠᠵᠠᠷ | ᠤᠨ ᠪᠠᠶᠢᠭᠤᠯᠤᠯᠳᠠ ᠪᠠᠷ ᠲᠤᠯᠤᠭᠠᠶᠢᠯᠠᠭᠴᠢ ᠪᠤᠯᠭᠠᠵᠤ᠂ ᠲᠤᠮᠤ ᠲᠥᠷᠥᠯ ᠵᠥᠢᠯ ᠤᠨ ᠤᠷᠤᠨᠵᠢᠯᠳᠠ ᠪᠠᠷ ᠭᠠᠷᠳᠠᠴᠠ | ᠪᠤᠯᠭᠠᠵᠤ᠂ ᠬᠤᠳᠠ ᠬᠦᠳᠡᠭᠡ ᠶᠢᠨ ᠴᠤᠭᠴᠠᠵᠢᠭᠰᠠᠨ ᠬᠦᠭᠵᠢᠯᠲᠡ ᠪᠠᠷ ᠴᠢᠭᠯᠡᠯ ᠪᠤᠯᠭᠠᠨ᠂ ᠠᠷᠠᠳ ᠤᠨ ᠠᠮᠢᠳᠤᠷᠠᠯ ᠢ | ᠥᠷᠬᠦᠯᠵᠢᠯᠡᠨ ᠰᠠᠶᠢᠵᠢᠷᠠᠭᠤᠯᠬᠤ ᠪᠠᠷ ᠵᠤᠭᠰᠤᠴᠠ ᠪᠤᠯᠭᠠᠵᠤ᠂ ᠠᠵᠤ ᠠᠬᠤᠢ ᠶᠢᠨ ᠥᠷᠬᠦᠯᠵᠢᠬᠦᠶᠢᠴᠡ ᠬᠦᠭᠵᠢᠯᠲᠡ᠂ | ᠬᠤᠳᠠ ᠬᠦᠳᠡᠭᠡ ᠶᠢ ᠨᠢᠭᠡᠳᠤᠯᠲᠡᠢ ᠲᠥᠯᠥᠪᠵᠢᠬᠦᠯᠥᠭᠰᠡᠨ ᠬᠦᠭᠵᠢᠯᠲᠡ᠂ ᠨᠡᠶᠢᠬᠡᠮ ᠤᠨ ᠡᠶ᠎ᠡ ᠵᠤᠬᠢᠴᠠᠩᠭᠤᠢ | ᠬᠦᠭᠵᠢᠯᠲᠡ ᠶᠢ ᠪᠡᠶᠡᠯᠡᠬᠦᠯᠥᠨ᠎ᠡ᠃ ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠥᠢᠯᠡᠳᠪᠤᠷᠢᠯᠡᠯ | ᠤᠨ ᠶᠡᠷᠥᠩᠬᠡᠢ ᠥᠷᠳᠡᠭ ᠢ 15% ᠨᠡᠮᠡᠭᠳᠡᠬᠦᠯᠵᠤ᠂ 135.7 ᠳ᠋ᠥᠩᠰᠢᠭᠤᠷ ᠲᠥᠭᠦᠷᠢᠭ ᠲᠤ ᠬᠦᠷᠭᠡᠨ᠎ᠡ︔ | ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 10%ᠨᠡᠮᠡᠭᠳᠡᠬᠦᠯᠵᠤ᠂ 12.83 ᠳ᠋ᠥᠩᠰᠢᠭᠤᠷ | ᠲᠥᠭᠦᠷᠢᠭ ᠲᠤ ᠬᠦᠷᠭᠡᠨ᠎ᠡ︔ ᠲᠤᠭᠳᠠᠮᠠᠯ ᠬᠥᠷᠥᠩᠬᠡ ᠶᠢᠨ ᠪᠡᠯᠡ ᠤᠷᠤᠭᠤᠯᠤᠯᠳᠠ ᠶᠢ 15% ᠨᠡᠮᠡᠭᠳᠡᠬᠦᠯᠵᠤ᠂ | 265 ᠳ᠋ᠥᠩᠰᠢᠭᠤᠷ ᠲᠥᠭᠦᠷᠢᠭ ᠲᠤ ᠬᠦᠷᠭᠡᠨ᠎ᠡ︔ ᠨᠡᠶᠢᠬᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ | ᠪᠤᠷᠤᠯᠠᠭᠤᠯᠬᠤ ᠶᠡᠷᠥᠩᠬᠡᠢ ᠥᠷᠳᠡᠭ ᠢ 14% ᠨᠡᠮᠡᠭᠳᠡᠬᠦᠯᠵᠤ᠂ 18.2 ᠳ᠋ᠥᠩᠰᠢᠭᠤᠷ ᠲᠦᠭᠦᠷᠢᠭ ᠲᠤ ᠬᠦᠷᠭᠡᠨ᠎ᠡ︔ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠥᠨ ᠲᠤᠳᠤᠮ ᠤᠨ ᠡᠵᠡᠮᠳᠡᠵᠤ ᠪᠤᠯᠬᠤ ᠤᠷᠤᠯᠭ᠎ᠠ ᠶᠢ 9% | ᠨᠡᠮᠡᠭᠳᠡᠬᠦᠯᠵᠤ᠂ 35650 ᠲᠦᠬᠦᠷᠢᠭ ᠲᠤ ᠬᠦᠷᠭᠡᠵᠤ᠂ ᠮᠠᠯᠴᠢᠨ ᠲᠠᠷᠢᠶᠠᠴᠢᠨ ᠬᠦᠮᠥᠨ ᠳᠤᠳᠤᠮ ᠤᠨ ᠴᠡᠪᠡᠷ | ᠤᠷᠤᠯᠭ᠎ᠠ ᠶᠢ 10% ᠨᠡᠮᠡᠭᠳᠡᠬᠦᠯᠵᠤ᠂ 14080 ᠲᠦᠬᠦᠷᠢᠭ ᠲᠤ ᠬᠦᠷᠭᠡᠨ᠎ᠡ᠃ ᠲᠦᠷᠪᠡᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠳᠣᠷ ᠠᠳᠬᠤᠨ᠎ᠠ᠃ | ︵ᠨᠢᠭᠡ︶ ᠠᠵᠣ ᠣᠶᠢᠯᠠᠰ ᠤᠨ ᠲᠡᠰ ᠲᠠᠪᠬᠤᠷᠭ᠎ᠠ ᠪᠣᠯᠣᠨ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ᠠᠵᠣ | ᠣᠶᠢᠯᠠᠰ ᠤᠨ ᠲᠡᠰ ᠲᠠᠪᠰᠢᠯᠳᠠ ᠶᠢ ᠠᠬᠢᠭᠤᠯᠵᠣ᠂ ᠠᠵᠣ ᠣᠶᠢᠯᠡᠳᠪᠦᠷᠢ ᠶᠢ ᠬᠦᠴᠦᠷᠬᠡᠭᠵᠢᠭᠦᠯᠦᠨ᠂ ᠮᠠᠯ ᠲᠠᠷᠢᠶᠠᠯᠠᠩ | ᠢ ᠰᠢᠯᠢᠳᠡᠭᠵᠢᠭᠦᠯᠵᠣ᠂ ᠣᠳᠣ ᠦᠶ᠎ᠡ ᠶᠢᠨ ᠣᠶᠢᠯᠠᠴᠢᠯᠠᠭᠡᠨ ᠤ ᠣᠶᠢᠯᠠᠰ ᠢ ᠠᠮᠢᠳᠣᠯᠢᠭᠵᠢᠭᠤᠯᠵᠣ᠂ ᠣᠯᠣᠰ ᠤᠨ ᠲᠡᠰ | ᠤᠨ ᠪᠣᠬᠢᠷᠳᠣᠯ ᠦᠬᠡᠢ ᠡᠨᠧᠷᠬᠢ ᠲᠠᠮᠵᠢᠭᠤᠯᠬᠤ ᠰᠠᠭᠤᠷᠢᠨ ᠭᠠᠵᠠᠷ ᠪᠣᠯᠣᠨ ᠨᠡᠭᠦᠷᠡᠰᠦ ᠬᠢᠮᠢ ᠶᠢᠨ ᠠᠵᠣ | ᠣᠶᠢᠯᠠᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠣᠯᠣᠰ ᠤᠨ ᠲᠡᠰ ᠤᠨ ᠬᠤᠳᠠ ᠬᠦᠳᠡᠭᠡ ᠶᠢ | ᠨᠢᠭᠡᠳᠦᠯᠳᠠᠢ ᠲᠦᠯᠦᠪᠵᠢᠭᠦᠯᠦᠨ ᠶᠡᠷᠦᠩᠬᠡᠶᠢᠯᠡᠨ ᠲᠦᠭᠦᠷᠴᠢᠯᠡᠬᠦ ᠦᠭᠡᠷᠡᠴᠢᠯᠡᠯᠳᠡ ᠶᠢᠨ ᠵᠢᠱᠢᠶ᠎ᠡ ᠦᠵᠡᠭᠦᠯᠬᠦ ᠣᠷᠣᠨ᠂ | ᠪᠣᠬᠢᠷᠳᠣᠯ ᠦᠭᠡᠢ ᠮᠠᠯ ᠲᠠᠷᠢᠶᠠᠯᠠᠩ ᠤᠨ ᠪᠦᠳᠦᠭᠳᠡᠭᠦᠨ ᠢ ᠣᠶᠢᠯᠠᠳᠪᠦᠷᠢᠯᠠᠨ ᠠᠷᠠᠯᠵᠢᠶᠠᠯᠠᠬᠤ ᠰᠠᠭᠤᠷᠢᠨ ᠭᠠᠵᠠᠷ᠂ | ᠦᠪᠡᠷᠮᠢᠴᠡ ᠣᠨᠴᠠᠯᠢᠭ ᠲᠠᠢ ᠵᠢᠭᠤᠯᠴᠢᠯᠠᠯ ᠰᠡᠯᠡᠭᠦᠴᠡᠯ ᠤᠨ ᠰᠠᠭᠤᠷᠢᠨ ᠭᠠᠵᠠᠷ ᠶᠢ ᠪᠠᠶᠢᠭᠤᠯᠣᠨ᠂ ᠠᠵᠣ ᠠᠬᠤᠢ | ᠶᠢᠨ ᠦᠷᠭᠦᠯᠵᠢᠬᠦᠶᠢᠴᠠ ᠬᠦᠭᠵᠢᠯᠳᠠ ᠶᠢ ᠠᠬᠢᠭᠤᠯᠣᠨ᠎ᠠ᠃ | ᠪᠣᠬᠢᠷᠳᠣᠯ ᠦᠭᠡᠢ ᠡᠨᠧᠷᠬᠢ ᠪᠣᠯᠣᠨ ᠣᠳᠣᠬᠢᠴᠢᠯᠠᠭᠰᠡᠨ ᠨᠡᠭᠦᠷᠡᠰᠦ ᠬᠢᠮᠢ ᠶᠢᠨ ᠠᠵᠣ ᠣᠶᠢᠯᠠᠰ ᠢ | ᠭᠤᠣᠯᠳᠠᠯᠭ᠎ᠠ ᠲᠠᠢ ᠬᠦᠭᠵᠢᠭᠦᠯᠦᠨ᠎ᠠ᠃ ᠨᠢᠭᠡ ᠳᠤ᠂ ᠪᠦᠬᠦ ᠬᠤᠰᠢᠭᠤᠨ ᠤ ᠬᠦᠴᠦᠨ ᠢᠶᠠᠷ ᠱᠠᠩᠬᠠᠢ ᠶᠢᠨ ᠰᠦᠮ᠎ᠡ | ᠡᠨᠧᠷᠬᠢ ᠬᠢᠮᠢ ᠶᠢᠨ ᠠᠵᠣ ᠣᠶᠢᠯᠠᠳᠪᠦᠷᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠣᠯᠳᠠ ᠶᠢ ᠠᠬᠢᠭᠤᠯᠵᠣ᠂ | ᠨᠡᠭᠦᠷᠡᠰᠦ᠂ ᠴᠠᠬᠢᠯᠭᠠᠨ ᠬᠦᠴᠦ᠂ ᠬᠢᠮᠢ ᠶᠢᠨ ᠠᠵᠣ ᠣᠶᠢᠯᠠᠳᠪᠦᠷᠢ ᠶᠢ ᠬᠦᠴᠦᠷᠬᠡᠭᠵᠢᠭᠦᠯᠦᠨ᠎ᠡ᠃ ᠨᠡᠭᠦᠷᠡᠰᠦᠨ | ᠠᠵᠣ ᠣᠶᠢᠯᠠᠰ ᠤᠨ ᠲᠠᠯ᠎ᠠ ᠪᠠᠷ ᠨᠡᠭᠦᠷᠡᠰᠦᠨ ᠠᠭᠤᠷᠬᠠᠢ ᠶᠢ ᠬᠢᠨᠠᠨ ᠵᠦᠪᠰᠢᠶᠡᠷᠡᠭᠦᠯᠬᠦ᠂ ᠨᠡᠭᠦᠷᠡᠰᠦᠨ ᠠᠭᠤᠷᠬᠠᠢ | ᠶᠢᠨ ᠪᠠᠶᠢᠭᠤᠯᠣᠯᠳᠠ᠂ ᠨᠡᠭᠦᠷᠡᠰᠦᠨ ᠠᠭᠤᠷᠬᠠᠢ ᠶᠢᠨ ᠣᠶᠢᠯᠠᠳᠪᠦᠷᠢᠯᠠᠯ ᠢ ᠰᠠᠶᠢᠳᠣᠷ ᠠᠳᠬᠤᠵᠣ᠂ ᠵᠢᠯ ᠤᠨ ᠲᠣᠳᠣᠷ᠎ᠠ | 2 ᠰᠠᠭᠤᠷᠢ ᠠᠭᠤᠷᠬᠠᠢ ᠶᠢᠨ ᠪᠠᠷᠢᠯᠭ᠎ᠠ ᠡᠬᠢᠯᠡᠭᠦᠯᠬᠦ ᠨᠦᠭᠦᠴᠡᠯ ᠢ ᠪᠦᠷᠢᠯᠳᠦᠭᠦᠯᠵᠣ᠂ 1 ᠰᠠᠭᠤᠷᠢ ᠶᠢ ᠲᠣᠷᠰᠢᠨ | ᠣᠶᠢᠯᠠᠳᠪᠦᠷᠢᠯᠠᠭᠦᠯᠵᠣ᠂ ᠨᠡᠭᠦᠷᠡᠰᠦᠨ ᠭᠠᠷᠣᠯᠳᠠ ᠶᠢ 2000 ᠲᠦᠮᠡᠨ ᠲᠣᠨ ᠲᠠᠪᠠᠭᠤᠯᠣᠨ᠎ᠠ᠃ ᠴᠠᠬᠢᠯᠭᠠᠨ | ᠬᠦᠴᠦᠨ ᠤ ᠠᠵᠣ ᠣᠶᠢᠯᠠᠰ ᠤᠨ ᠲᠠᠯ᠎ᠠ ᠪᠠᠷ ᠪᠦᠬᠦ ᠬᠦᠴᠦᠨ ᠢᠶᠠᠷ ᠣᠯᠣᠰ ᠤᠨ ᠴᠠᠬᠢᠯᠭᠠᠨ ᠬᠦᠴᠦᠨ ᠤ ᠭᠠᠳᠠᠭᠰᠢ | ᠲᠠᠮᠵᠢᠭᠤᠯᠬᠤ ᠱᠣᠭᠤᠮ ᠢ ᠪᠠᠶᠢᠭᠤᠯᠵᠣ᠂ ᠱᠧᠨ ᠬᠤᠸᠠ᠂ ᠣᠯᠣᠰ ᠤᠨ ᠴᠠᠬᠢᠯᠭᠠᠨ᠂ ᠱᠠᠨᠳᠦ᠋ᠩ ᠤᠨ ᠡᠨᠧᠷᠬᠢ᠂ | ᠪᠧᠢ ᠹᠠᠩ ᠤᠨ ᠶᠡᠷᠦᠩᠬᠡᠢ ᠮᠠᠰᠢᠨ ᠴᠣᠭᠴᠠᠯᠠᠪᠦᠷᠢ ᠮᠢᠩᠭᠠᠨ ᠲᠦᠮᠡᠨ ᠺᠢᠯᠦᠸᠠᠲ ᠤᠨ ᠢᠯᠴᠢ ᠶᠢᠨ ᠴᠠᠬᠢᠯᠭᠠᠨ ᠤ | ᠲᠦᠷᠦᠯ ᠵᠣᠶᠢᠯ ᠤᠨ ᠴᠣᠬᠤᠯᠠᠪᠦᠷᠢᠯᠠᠯ ᠢ ᠲᠦᠷᠭᠡᠳᠬᠡᠵᠣ᠂ ᠵᠢᠯ ᠤᠨ ᠲᠣᠳᠣᠷ᠎ᠠ 400 ᠲᠦᠮᠡᠨ ᠺᠢᠯᠦᠸᠠᠲ ᠢ | ᠣᠷᠣᠨᠵᠢᠭᠤᠯᠣᠨ ᠪᠦᠳᠦᠭᠡᠨ ᠪᠠᠶᠢᠭᠤᠯᠣᠨ᠎ᠠ᠃ ᠷᠦᠨ ᠪᠥᠸᠧ ᠶᠢᠨ 33 ᠰᠠᠶ᠎ᠠ ᠸᠠᠲ ᠨᠠᠷᠠᠨ ᠡᠨᠧᠷᠬᠢ ᠪᠠᠷ | ᠴᠠᠬᠢᠯᠭᠠᠨ ᠭᠠᠷᠭᠠᠬᠤ ᠲᠦᠷᠦᠯ ᠵᠣᠶᠢᠯ ᠢ ᠡᠬᠢᠯᠡᠨ ᠪᠠᠶᠢᠭᠤᠯᠣᠨ᠎ᠠ᠃ ᠬᠢᠮᠢ ᠶᠢᠨ ᠠᠵᠣ ᠣᠶᠢᠯᠠᠳᠪᠦᠷᠢ ᠶᠢᠨ ᠲᠠᠯ᠎ᠠ ᠪᠠᠷ | ᠪᠠᠷᠢᠯᠭ᠎ᠠ ᠡᠬᠢᠯᠡᠭᠦᠯᠬᠦ ᠶᠢ ᠭᠤᠣᠯᠳᠠᠯᠭ᠎ᠠ ᠲᠠᠢ ᠠᠳᠬᠤᠵᠣ᠂ ᠵᠢᠦ ᠲᠠᠢ ᠡᠨᠧᠷᠬᠢ ᠰᠣᠷᠪᠦᠯᠵᠢ ᠶᠢᠨ ᠨᠢᠭᠡ | ᠴᠣᠭᠴᠠᠵᠢᠭᠤᠯᠣᠭᠰᠠᠨ ᠨᠡᠭᠦᠷᠡᠰᠦ ᠬᠢᠮᠢ ᠶᠢᠨ ᠲᠦᠷᠦᠯ ᠵᠣᠶᠢᠯ ᠢ ᠴᠢᠩᠭ᠎ᠠ ᠠᠳᠬᠤᠵᠣ᠂ ᠨᠡᠭᠦᠷᠡᠰᠦ ᠪᠠᠷ ᠠᠯᠺᠧᠨ᠂ | ᠡᠲᠨ ᠬᠤᠶᠠᠷᠴᠢ ᠠᠯᠺᠦᠣᠯ᠂ ᠠᠷᠧᠨ ᠣᠶᠢᠯᠠᠳᠬᠦ ᠲᠦᠷᠦᠯ ᠵᠣᠶᠢᠯ ᠢ ᠢᠵᠢᠯ ᠠᠯᠬᠤᠮ ᠢᠶᠠᠷ ᠠᠬᠢᠭᠤᠯᠵᠣ᠂ | ᠲᠣᠨᠣᠭᠯᠠᠯ ᠣᠶᠢᠯᠠᠳᠬᠦ ᠡᠮᠦᠨ᠎ᠠ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠬᠤᠸᠠ ᠰᠢᠩ ᠤᠨ 40 | ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ ᠨᠡᠭᠦᠷᠡᠰᠦ ᠪᠠᠷ ᠰᠢᠳᠡᠮᠬᠠᠢ ᠬᠡᠢ ᠣᠶᠢᠯᠠᠳᠬᠦ ᠲᠦᠷᠦᠯ ᠵᠣᠶᠢᠯ ᠢ ᠵᠢᠯ | ᠤᠨ ᠲᠣᠳᠣᠷ᠎ᠠ ᠡᠬᠢᠯᠡᠨ ᠪᠠᠶᠢᠭᠤᠯᠣᠨ᠎ᠠ᠃ ᠱᠢ ᠳ᠋ᠠ ᠪᠣᠬᠢᠷᠳᠣᠯ ᠦᠭᠡᠢ ᠡᠨᠧᠷᠬᠢ ᠶᠢᠨ 2×20 ᠲᠦᠮᠡᠨ | ᠲᠣᠨLNG ᠤᠨ ᠨᠢᠭᠡᠳᠦᠭᠡᠷ ᠬᠤᠭᠤᠴᠠᠭ᠎ᠠ᠂ ᠨᠡᠭᠦᠷᠡᠰᠦ ᠬᠡᠤᠷᠰᠢᠬᠦᠯᠬᠦ ᠤᠯᠠᠨ ᠬᠤᠯᠪᠤᠭᠠᠲᠤ ᠥᠢᠯᠡᠳᠪᠤᠷᠢᠯᠡᠯ ᠤᠨ | ᠬᠤᠶᠠᠳᠦᠭᠠᠷ ᠬᠤᠭᠤᠴᠠᠭ᠎ᠠ ᠵᠢᠴᠢ ᠬᠠᠭᠤᠷᠠᠢ ᠪᠠᠷ ᠬᠦᠷᠦᠭᠡᠬᠦ ᠭᠡᠣᠷᠰᠣᠨ ᠢᠯᠴᠢ ᠪᠠᠷ ᠴᠠᠬᠢᠯᠭᠠᠨ ᠭᠠᠷᠭᠠᠬᠤ᠂ | ᠬᠡᠣᠷᠰᠣᠨ ᠬᠡᠢ ᠪᠠᠷ ᠮᠧᠲ᠋ᠠᠨ ᠣᠶᠢᠯᠠᠳᠬᠦ ᠵᠡᠷᠭᠡ ᠲᠦᠷᠦᠯ ᠵᠣᠶᠢᠯ ᠢ ᠲᠦᠷᠭᠡᠳᠬᠡᠵᠣ᠂ ᠵᠢᠯ ᠤᠨ ᠲᠣᠳᠣᠷ᠎ᠠ ᠲᠣᠷᠰᠢᠨ | ᠣᠶᠢᠯᠠᠳᠪᠦᠷᠢᠯᠡᠨᠡ᠃ ᠬᠤᠶᠠᠷ ᠲᠤ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠬᠦᠷᠢᠶᠡᠯᠡᠩ ᠳᠤ ᠪᠣᠬᠢᠷᠳᠣᠯ ᠦᠭᠡᠢ | ᠡᠨᠧᠷᠬᠢ ᠶᠢᠨ ᠣᠶᠢᠯᠠᠰ ᠤᠨ ᠰᠦᠷᠦᠭᠵᠢᠯ ᠢ ᠪᠠᠶᠢᠭᠤᠯᠵᠣ᠂ ᠰᠧᠨ ᠲᠠᠢ ᠶᠢᠨ 2×20 ᠲᠦᠮᠡᠨ ᠲᠣᠨ LNG | ᠤᠨ ᠨᠢᠭᠡᠳᠦᠭᠡᠷ ᠬᠤᠭᠤᠴᠠᠭᠠᠨ ᠤ ᠲᠦᠷᠦᠯ ᠵᠣᠶᠢᠯ ᠢ ᠲᠣᠷᠰᠢᠨ ᠣᠶᠢᠯᠠᠳᠪᠦᠷᠢᠯᠠᠵᠣ᠂ ᠲᠢᠶᠠᠨ ᠯᠢ ᠹᠧᠩ᠂ ᠺᠧ | ᠰᠧ ᠵᠡᠷᠭᠡ LNG ᠤᠨ ᠲᠦᠷᠦᠯ ᠵᠣᠶᠢᠯ ᠢ ᠵᠢᠯ ᠤᠨ ᠲᠣᠳᠣᠷ᠎ᠠ ᠪᠦᠳᠦᠭᠡᠨ ᠪᠠᠶᠢᠭᠤᠯᠣᠨ᠎ᠠ᠃ ᠭᠤᠷᠪᠠ ᠳᠤ | ᠰᠢᠳᠠᠮᠠᠬᠠᠢ ᠬᠡᠢ ᠶᠢᠨ ᠨᠡᠭᠡᠭᠡᠯᠲᠡ ᠳᠤ ᠰᠠᠭᠤᠷᠢᠯᠠᠨ ᠡᠳ᠋ ᠤᠨ ᠵᠠᠰᠠᠭ ᠳᠤ ᠬᠢ ᠵᠢᠳᠭᠦᠯ ᠤᠨ ᠨᠣᠷᠮ᠎ᠠ ᠢ | ᠲᠡᠭᠡᠭᠰᠢᠯᠡᠭᠦᠯᠵᠣ᠂ ᠰᠢᠨ᠎ᠠ ᠪᠠᠷ ᠰᠢᠳᠡᠮᠬᠠᠢ ᠬᠡᠢ ᠶᠢᠨ ᠬᠤᠳᠳᠤᠭ 200 ᠨᠡᠮᠡᠭᠳᠡᠭᠦᠯᠵᠣ᠂ ᠰᠢᠳᠡᠮᠬᠠᠢ ᠬᠡᠢ ᠶᠢᠨ | ᠭᠠᠷᠣᠯᠳᠠ ᠶᠢ 55 ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ ᠲᠤ ᠬᠦᠷᠭᠡᠵᠣ᠂ ᠨᠢᠳᠣᠨᠣᠨ ᠠᠴᠠ 15 | ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ ᠨᠡᠮᠡᠭᠳᠡᠭᠦᠯᠦᠨ᠎ᠡ᠃ ᠰᠢᠳᠡᠮᠬᠠᠢ ᠬᠡᠢ ᠶᠢᠨ ᠭᠦᠢᠴᠡᠳᠬᠡᠯ ᠵᠢᠭᠠᠯᠳᠠ ᠶᠢ | ᠢᠳᠡᠪᠬᠢᠳᠡᠢ ᠲᠡᠮᠡᠴᠡᠨ ᠣᠯᠵᠣ᠂ ᠰᠢᠳᠡᠮᠬᠠᠢ ᠬᠡᠢ ᠶᠢ ᠬᠤᠪᠢᠷᠠᠭᠠᠬᠤ ᠲᠦᠷᠦᠯ ᠵᠣᠶᠢᠯ ᠤᠨ ᠬᠦᠭᠵᠢᠯᠳᠠ ᠶᠢ | ᠲᠦᠷᠭᠡᠳᠬᠡᠵᠣ᠂ ᠰᠢᠳᠡᠮᠬᠠᠢ ᠬᠡᠢ ᠶᠢᠨ ᠠᠵᠣ ᠣᠶᠢᠯᠠᠰ ᠤᠨ ᠲᠠᠮᠵᠢᠭᠤᠯᠬᠤ ᠬᠡᠯᠪᠡᠷᠢ ᠠᠴᠠ ᠦᠷᠳᠡᠭ ᠢ ᠨᠡᠮᠡᠭᠳᠡᠭᠦᠯᠬᠦ | ᠬᠡᠯᠪᠡᠷᠢ ᠲᠡᠰᠢᠬᠢ ᠬᠤᠪᠢᠷᠠᠭᠤᠯᠣᠯᠳᠠ ᠶᠢ ᠲᠦᠷᠭᠡᠳᠬᠡᠨ᠎ᠠ᠃ ᠲᠦᠷᠪᠠ ᠳᠤ ᠣᠯᠣᠰ ᠤᠨ ᠠᠵᠣ ᠣᠶᠢᠯᠠᠰ ᠤᠨ ᠲᠦᠷᠦ | ᠶᠢᠨ ᠪᠣᠳᠣᠯᠭ᠎ᠠ ᠶᠢ ᠭᠦᠨᠵᠡᠭᠡᠢ ᠰᠣᠳᠣᠯᠵᠣ᠂ ᠦᠪᠡᠷᠳᠡᠭᠡᠨ ᠵᠠᠰᠠᠬᠤ ᠣᠷᠣᠨ ᠤ ︽8337︾ ᠬᠦᠭᠵᠢᠭᠦᠯᠦᠯᠳᠠ | ᠶᠢᠨ ᠰᠡᠳᠬᠢᠴᠡᠪᠠᠷ ᠭᠤᠣᠯᠯᠠᠭᠤᠯᠵᠣ᠂ ᠴᠢᠬᠤᠯᠠ ᠶᠡᠭᠡ ᠲᠦᠷᠦᠯ ᠵᠣᠶᠢᠯ ᠨᠦᠭᠡᠴᠡᠯᠡᠬᠦ ᠬᠦᠮᠦᠷᠭᠡ ᠶᠢ ᠪᠠᠶᠢᠭᠤᠯᠣᠨ | ᠲᠡᠭᠦᠯᠳᠡᠷᠵᠢᠭᠦᠯᠵᠣ᠂ ᠲᠣᠮᠣ ᠲᠦᠷᠦᠯ ᠵᠣᠶᠢᠯ ᠪᠣᠯᠣᠨ ᠲᠣᠮᠳᠠ ᠪᠠᠭ᠎ᠠ ᠲᠦᠷᠦᠯ ᠵᠣᠶᠢᠯ ᠢ ᠢᠵᠢᠯ ᠠᠯᠬᠤᠮ ᠢᠶᠠᠷ | ᠪᠠᠶᠢᠭᠤᠯᠬᠤ ᠶᠢ ᠠᠬᠢᠭᠤᠯᠵᠣ᠂ ᠠᠵᠣ ᠣᠶᠢᠯᠠᠰ ᠤᠨ ᠬᠦᠭᠵᠢᠯᠳᠠ ᠶᠢᠨ ᠪᠦᠬᠦᠯᠢ ᠴᠣᠭᠴᠠ ᠶᠢᠨ ᠦᠷᠢᠰᠦᠯᠳᠦᠬᠦ | ᠬᠦᠴᠦᠨ ᠢ ᠲᠡᠭᠡᠭᠰᠢᠯᠡᠭᠦᠯᠦᠨ᠎ᠠ᠃ | ᠮᠠᠯ ᠲᠠᠷᠢᠶᠠᠯᠠᠩ ᠤᠨ ᠡᠵᠡᠩᠨᠡᠯᠳᠠ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠠ᠃ ᠨᠢᠭᠡ ᠳᠤ ᠠᠬᠢᠯᠳᠠ ᠶᠢ | ᠪᠦᠬᠦ ᠲᠠᠯ᠎ᠠ ᠪᠠᠷ ᠠᠳᠬᠤᠵᠣ᠂ ᠮᠠᠯ ᠲᠠᠷᠢᠶᠠᠯᠠᠩ ᠤᠨ ᠠᠵᠣ ᠣᠶᠢᠯᠠᠰ ᠤᠨ ᠪᠠᠶᠢᠷᠢᠯᠠᠭᠤᠯᠣᠯᠳᠠ ᠶᠢ ᠣᠯᠠᠮ | ᠰᠢᠯᠢᠳᠡᠭᠵᠢᠭᠦᠯᠵᠣ᠂ ᠣᠰᠣ ᠡᠯᠪᠡᠭᠣᠷᠣᠨ ᠤ ᠭᠠᠵᠠᠷ ᠰᠢᠷᠣᠢ ᠳᠤ ᠪᠦᠳᠦᠮᠵᠢᠳᠠᠢ ᠲᠣᠬᠢᠷᠠᠭᠤᠯᠣᠯᠳᠠ ᠬᠢᠵᠣ᠂ | ᠰᠦᠷᠴᠢᠨ ᠣᠰᠣᠯᠠᠬᠤ ᠪᠠ ᠲᠠᠷᠢᠶᠠᠯᠠᠩ ᠤᠨ ᠮᠠᠰᠢᠨ ᠬᠡᠷᠡᠭᠰᠡᠯ ᠵᠡᠷᠭᠡ ᠶᠢ ᠲᠦᠭᠦᠷᠴᠢᠯᠡᠵᠣ ᠣᠶᠢᠯᠠᠳᠪᠦᠷᠢᠯᠠᠯ ᠤᠨ | ᠲᠡᠷᠢᠭᠦᠨ ᠤ ᠲᠣᠨᠤᠭ ᠲᠦᠬᠦᠭᠡᠷᠦᠮᠵᠢ ᠶᠢᠨ ᠲᠦᠪᠰᠢᠨ ᠢ ᠲᠡᠭᠡᠭᠰᠢᠯᠡᠭᠦᠯᠵᠣ᠂ ᠬᠡᠪᠴᠢᠶᠡᠳᠦ ᠡᠵᠡᠩᠨᠡᠯ ᠪᠣᠯᠣᠨ | ᠣᠨᠴᠠᠯᠢᠭᠳᠦ ᠲᠠᠷᠢᠵᠣ ᠲᠡᠵᠢᠭᠡᠬᠦ ᠣᠶᠢᠯᠠᠰ ᠢ ᠬᠠᠷᠢᠯᠴᠠᠨ ᠣᠶᠡᠯᠳᠦᠭᠤᠯᠣᠭᠰᠡᠨ ᠬᠦᠭᠵᠢᠯᠳᠠ ᠶᠢᠨ ᠵᠠᠭᠪᠣᠷ ᠢ | ᠪᠦᠷᠢᠯᠳᠦᠭᠦᠯᠦᠨ᠎ᠡ︔ ᠲᠠᠯ᠎ᠠ ᠨᠤᠲᠤᠭ ᠤᠨ ᠮᠠᠯ ᠠᠵᠣ ᠠᠬᠤᠢ ᠶᠢᠨ ᠬᠦᠭᠵᠢᠬᠦᠯᠥᠯᠲᠡ ᠶᠢᠨ ᠣᠷᠣᠨ ᠳᠤ ᠰᠠᠶᠢᠨ | ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠨᠣᠣᠯᠣᠭᠤᠷ ᠨᠡᠮᠡᠭᠳᠡᠭᠦᠯᠬᠦ ᠵᠡᠷᠭᠡ ᠲᠡᠷᠢᠭᠦᠨ ᠤ ᠮᠡᠷᠭᠡᠵᠢᠯ ᠢ ᠪᠦᠬᠦ | ᠲᠠᠯ᠎ᠠ ᠪᠠᠷ ᠲᠦᠭᠡᠮᠡᠯᠵᠢᠭᠦᠯᠵᠣ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠣᠷᠣᠨ ᠲᠣᠭᠤᠷᠢᠭ ᠤᠨ ᠪᠠᠶᠢᠭᠤᠯᠣᠯᠳᠠ | ᠶᠢ ᠠᠬᠢᠭᠤᠯᠵᠣ᠂ ᠠᠮᠢ ᠠᠬᠤᠶᠢᠴᠢ ᠮᠠᠯ ᠠᠵᠣ ᠠᠬᠤᠢ ᠶᠢᠨ ᠬᠦᠭᠵᠢᠯᠳᠡ ᠶᠢᠨ ᠵᠠᠮ ᠢᠶᠠᠷ ᠣᠷᠣᠭᠰᠢᠯᠠᠨ᠎ᠠ᠃ ᠵᠢᠯ ᠤᠨ | ᠲᠣᠳᠣᠷ᠎ᠠ ᠣᠳᠣ ᠦᠶ᠎ᠡ ᠶᠢᠨ ᠲᠠᠷᠢᠶᠠᠯᠠᠩ ᠤᠨ ᠰᠠᠭᠤᠷᠢᠨ ᠭᠠᠵᠠᠷ ᠢ 2 ᠲᠦᠮᠡᠨ ᠮᠣ᠋᠂ ᠲᠡᠵᠢᠭᠡᠨ ᠦᠷᠡᠵᠢᠭᠦᠯᠬᠦ | ᠪᠠᠷᠢᠮᠵᠢᠶᠠᠳᠦ ᠬᠠᠰᠢᠶ᠎ᠠ ᠰᠠᠷᠠᠪᠴᠢ ᠶᠢ 170 ᠲᠦᠬᠦᠷ ᠪᠠᠶᠢᠭᠤᠯᠵᠣ᠂ 2000 ᠲᠣᠯᠣᠭᠠᠢ ᠠᠴᠠ ᠲᠡᠭᠡᠭᠰᠢ ᠠᠯᠠᠰᠢᠨ | ᠮᠠᠯ ᠲᠡᠵᠢᠭᠡᠨ ᠦᠷᠡᠵᠢᠭᠦᠯᠬᠦ ᠬᠡᠪᠴᠢᠶᠡᠵᠢᠭᠰᠡᠨ ᠬᠦᠷᠢᠶᠡᠯᠡᠩ ᠲᠣᠭᠤᠷᠢᠭ 3᠂ 800 ᠲᠣᠯᠣᠭᠠᠢ ᠠᠴᠠ ᠲᠡᠭᠡᠭᠰᠢ | ᠠᠯᠠᠰᠢᠨ ᠮᠠᠯ ᠲᠡᠵᠢᠭᠡᠨ ᠦᠷᠡᠵᠢᠭᠦᠯᠬᠦ ᠬᠡᠪᠴᠢᠶᠡᠵᠢᠭᠰᠡᠨ ᠡᠷᠦᠬᠡ ᠶᠢ 120 ᠭᠦᠭᠵᠢᠭᠦᠯᠦᠨ᠎ᠡ᠃ ᠬᠤᠶᠠᠷ ᠲᠤ | ᠦᠯᠢᠭᠡᠷ ᠵᠢᠱᠢᠶ᠎ᠡ ᠶᠢ ᠭᠤᠣᠯᠳᠠᠯᠭ᠎ᠠ ᠲᠠᠢ ᠠᠳᠬᠤᠵᠣ᠂ ᠬᠠᠷᠭᠠᠨᠠᠳᠦ᠂ ᠠᠷᠠᠯᠠᠢ ᠵᠡᠷᠭᠡ ᠰᠢᠨ᠎ᠡ ᠮᠠᠶ᠋ᠢᠭ ᠤᠨ ᠠᠶᠢᠯ | ᠲᠣᠰᠬᠤᠨ ᠤ ᠬᠡᠪᠴᠢᠶ᠋ᠵᠢᠭᠰᠡᠨ ᠠᠵᠣ ᠣᠶᠢᠯᠠᠰ ᠤᠨ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠵᠣ ᠂ 2 ᠲᠦᠮᠡᠨ | ᠮᠣ᠋ ᠲᠡᠵᠢᠭᠡᠯ ᠪᠣᠷᠳᠤᠭ᠎ᠠ ᠲᠠᠷᠢᠵᠣ᠂ ᠵᠢᠯ ᠲᠤ 1 ᠲᠦᠮᠡᠨ ᠲᠣᠯᠣᠭᠠᠢ ᠠᠴᠠ ᠲᠡᠭᠡᠭᠰᠢ ᠠᠯᠠᠰᠢᠨ ᠮᠠᠯ ᠪᠣᠷᠣᠯᠠᠭᠤᠯᠵᠣ᠂ | ᠪᠣᠶᠢᠵᠢᠭᠤᠯᠬᠤ᠂ ᠲᠡᠵᠢᠭᠡᠬᠦ᠂ ᠪᠣᠷᠳᠣᠬᠤ ᠶᠢ ᠴᠣᠭᠴᠠᠵᠢᠭᠤᠯᠣᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ | ᠬᠦᠷᠢᠶᠡᠯᠠᠩ ᠢ ᠪᠠᠶᠢᠭᠤᠯᠣᠨ᠎ᠠ᠃ ᠺᠣᠮᠫᠠᠨᠢᠴᠢᠯᠠᠭᠰᠡᠨ ᠲᠣᠰᠬᠠᠶᠢᠵᠢᠭᠰᠠᠨ ᠮᠠᠯ ᠲᠠᠷᠢᠶᠠᠯᠠᠩ ᠤᠨ ᠣᠶᠢᠯᠠᠰ ᠤᠨ | ᠬᠦᠭᠵᠢᠯᠳᠡ ᠶᠢ ᠵᠣᠷᠢᠭᠵᠢᠭᠤᠯᠵᠣ᠂ ᠲᠣᠰᠬᠠᠢ ᠬᠠᠮᠳᠣᠷᠠᠯ ᠵᠣᠬᠢᠶᠠᠨ ᠪᠠᠶᠢᠭᠤᠯᠣᠯᠳᠠ ᠶᠢᠨ ᠠᠮᠢᠵᠢᠷᠠᠯ ᠤᠨ ᠬᠦᠴᠦᠨ ᠢ | ᠣᠷᠮᠠᠰᠢᠭᠤᠯᠵᠣ᠂ ᠬᠤᠸᠠ ᠶᠠᠩ᠂ ᠮᠢᠨ ᠹᠧᠩ ᠲᠦᠮᠦᠰᠦᠨ ᠣᠶᠢᠯᠠᠰ ᠵᠡᠷᠭᠡ ᠲᠣᠯᠣᠭᠠᠶᠢᠯᠠᠭᠴᠢ ᠠᠵᠣ ᠠᠬᠤᠶᠢᠯᠠᠯ ᠢ | ᠬᠦᠴᠦᠷᠬᠡᠭᠵᠢᠭᠦᠯᠵᠣ᠂ ᠲᠦᠪᠠᠳ ᠵᠡᠷᠬᠡ ᠰᠢᠨ᠎ᠡ ᠮᠠᠶ᠋ᠢᠭ ᠤᠨ ᠠᠶᠢᠯ ᠲᠣᠰᠬᠤᠨ ᠤ ᠲᠣᠯᠭᠠᠭᠤᠷᠢᠯᠡᠬᠤ ᠠᠵᠣ ᠣᠶᠢᠯᠠᠰ | ᠢ ᠬᠦᠭᠵᠢᠭᠦᠯᠵᠤ᠂ ᠣᠨᠴᠠᠯᠢᠭᠳᠦ ᠲᠠᠷᠢᠮᠠᠯ ᠤᠨᠣᠶᠢᠯᠠᠰ ᠤᠨ ᠬᠦᠭᠵᠢᠯᠳᠠ ᠶᠢ ᠲᠦᠷᠭᠡᠳᠬᠡᠨ᠎ᠠ᠃ ᠶᠡᠭᠡ ᠲᠣᠬᠤᠢ᠂ | ᠪᠣᠷᠣᠲᠣᠯᠣᠭᠠᠢ ᠪᠣᠯᠣᠨ ᠬᠡᠴᠡᠭᠦᠣ ᠶᠢᠨ ᠡᠷᠢᠶᠡᠨ ᠤ ᠣᠳᠣ ᠦᠶ᠎ᠡ ᠶᠢᠨ ᠲᠠᠷᠢᠶᠠᠯᠠᠩ ᠤᠨ ᠬᠦᠭᠵᠢᠯᠳᠡ ᠶᠢ | ᠲᠦᠷᠭᠡᠳᠬᠡᠵᠣ᠂ 1 ᠲᠦᠮᠡᠨ ᠮᠣ᠋ ᠭᠠᠵᠠᠷ ᠰᠢᠷᠣᠢ ᠶᠢᠨ ᠲᠣᠬᠢᠷᠠᠭᠤᠯᠣᠯᠳᠠ ᠶᠢ ᠪᠡᠶᠡᠯᠡᠭᠦᠯᠦᠨ᠎ᠠ᠃ ᠭᠤᠷᠪᠠ ᠳᠤ | ᠵᠠᠩᠭᠢᠯᠭ᠎ᠠ ᠶᠢ ᠠᠳᠬᠤᠬᠤ ᠶᠢ ᠪᠠᠳᠣᠯᠠᠵᠣ᠂ ᠲᠠᠬᠢᠯᠳᠦ ᠶᠢᠨ ᠮᠠᠯ ᠲᠠᠷᠢᠶᠠᠯᠠᠩ ᠤᠨ ᠪᠦᠳᠦᠭᠡᠭᠳᠠᠭᠦᠨ ᠤ ᠠᠷᠠᠯᠵᠢᠶᠠᠨ | ᠤ ᠵᠠᠬ᠎ᠠ ᠲᠡᠯᠭᠡᠭᠦᠷ ᠢ ᠦᠭᠡᠷᠡᠴᠢᠯᠡᠵᠣ᠂ ᠲᠡᠰ ᠴᠢᠳᠡᠪᠣᠷᠢ ᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠮᠠᠯ ᠤᠨ | ᠠᠷᠠᠯᠵᠢᠶ᠎ᠠ ᠶᠢ 200 ᠲᠦᠮᠡᠨ ᠲᠣᠯᠣᠭᠠᠢ ᠠᠴᠠ ᠲᠠᠪᠠᠭᠤᠯᠵᠣ᠂ ᠪᠠᠷᠠᠭᠤᠨ ᠣᠷᠣᠨ ᠤ ᠬᠠᠮᠤᠭ ᠶᠡᠭᠡ ᠠᠮᠢᠵᠢᠷᠠᠯ ᠤᠨ | ᠬᠦᠴᠦᠨ ᠲᠠᠢ ᠨᠦᠯᠦᠭᠡ ᠪᠠᠷ ᠬᠠᠮᠤᠭ ᠶᠡᠭᠡ ᠮᠠᠯ ᠤᠨ ᠠᠷᠠᠯᠵᠢᠶᠠᠨ ᠤ ᠲᠦᠪᠯᠡᠷᠡᠭᠦᠯᠦᠨ ᠲᠠᠷᠬᠠᠭᠠᠬᠤ ᠭᠠᠵᠠᠷ | ᠪᠣᠯᠭᠠᠨ᠎ᠠ᠃ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠦᠭᠡᠮᠡᠯᠵᠢᠭᠦᠯᠦᠯᠳᠠ ᠶᠢᠨ ᠲᠣᠭᠳᠠᠯᠴᠠᠭ᠎ᠠ ᠶᠢ | ᠪᠠᠶᠢᠭᠤᠯᠵᠣ᠂ ᠲᠠᠷᠢᠶᠠᠯᠠᠩ ᠤᠨ ᠮᠠᠰᠢᠨ ᠤ ᠲᠣᠰᠬᠠᠢ ᠬᠠᠮᠳᠣᠷᠠᠯ ᠢ 5 ᠨᠡᠮᠡᠨ ᠪᠠᠶᠢᠭᠤᠯᠵᠣ᠂ ᠮᠠᠯ ᠠᠵᠣ ᠠᠬᠤᠢ ᠶᠢᠨ | ᠮᠠᠰᠢᠨ ᠲᠣᠨᠣᠭᠯᠠᠯ ᠤᠨ ᠲᠠᠭᠤᠷᠢᠶᠠᠯ ᠡᠷᠦᠬᠡ ᠶᠢ 100 ᠪᠣᠶᠢᠵᠢᠭᠤᠯᠵᠣ᠂ ᠮᠠᠯ ᠲᠠᠷᠢᠶᠠᠯᠠᠩ ᠤᠨ ᠨᠡᠮᠡᠭᠳᠡᠯ ᠤᠨ | ᠬᠡᠯᠪᠡᠷᠢ ᠶᠢ ᠲᠤᠭ᠎ᠠ ᠬᠡᠮᠵᠢᠶᠡᠨ ᠤ ᠬᠡᠯᠪᠡᠷᠢ ᠠᠴᠠ ᠴᠢᠨᠠᠷ ᠤᠨ ᠬᠡᠯᠪᠡᠷᠢ ᠲᠠᠰᠢ ᠬᠤᠪᠢᠷᠠᠭᠤᠯᠣᠨ᠎ᠠ᠃ | ᠭᠤᠷᠪᠠᠳᠣᠭᠠᠷ ᠠᠵᠣ ᠣᠶᠢᠯᠠᠰ ᠤᠨ ᠬᠦᠭᠵᠢᠯᠳᠡ ᠶᠢ ᠲᠦᠷᠭᠡᠳᠬᠡᠨ᠎ᠡ᠃ ᠨᠢᠭᠡ ᠳᠤ ᠡᠳ᠋ ᠤᠨ ᠵᠠᠰᠠᠭ ᠠᠴᠠ | ᠬᠦᠣ ᠮᠦᠩᠭᠦ ᠶᠢ ᠣᠷᠣᠯᠠᠨ ᠲᠣᠰᠢᠶᠠᠬᠤ᠂ ᠱᠠᠩᠨᠠᠯ ᠢᠶᠠᠷ ᠨᠦᠬᠦᠪᠦᠷᠢᠯᠡᠬᠦ ᠪᠡᠯᠡ ᠣᠷᠣᠭᠤᠯᠣᠯᠳᠠ ᠶᠢᠨ ᠲᠣᠭᠳᠠᠯᠴᠠᠭ᠎ᠠ | ᠶᠢ ᠰᠢᠨᠡᠴᠢᠯᠡᠵᠣ᠂ ᠵᠢᠭᠤᠯᠴᠢᠯᠠᠯ ᠤᠨ ᠣᠶᠢᠯᠠᠰ ᠤᠨ ᠬᠦᠭᠵᠢᠯᠳᠡ ᠶᠢᠨ ᠰᠠᠭᠤᠷᠢ ᠮᠦᠩᠭᠦ ᠶᠢ ᠪᠠᠶᠢᠭᠤᠯᠵᠣ᠂ | ᠵᠢᠭᠤᠯᠴᠢᠯᠠᠯ ᠣᠶᠢᠯᠠᠰ ᠢ ᠲᠡᠮᠵᠢᠨ ᠬᠦᠭᠵᠢᠭᠦᠯᠦᠨ᠎ᠠ᠃ ᠢᠷᠭᠠᠢ ᠶᠢᠨ ᠪᠢᠨ ᠾᠧ ᠰᠢᠨ᠎ᠡ ᠲᠣᠭᠤᠷᠢᠭ ᠤᠨ ︽ᠪᠦᠬᠦ | ᠴᠠᠷᠠᠭ᠎ᠠ ᠶᠢᠨ 5A ᠦᠵᠡᠮᠵᠢ ᠶᠢᠨ ᠣᠷᠣᠨ︾ ᠳᠤ ᠠᠭᠤᠰᠣᠯᠴᠠᠬᠤ ᠪᠠᠷ ᠬᠠᠷᠠᠯᠳᠠ ᠪᠣᠯᠭᠠᠨ᠂ ᠶᠡᠭᠡ ᠲᠣᠯᠣᠨ᠂ | ᠱᠠᠩᠬᠠᠢ ᠶᠢᠨ ᠰᠦᠮ᠎ᠡ ᠶᠢᠨ ᠨᠡᠷᠭᠢᠶᠠᠨᠳᠦ ᠲᠠᠯ᠎ᠠ ᠨᠣᠳᠤᠭ ᠵᠡᠷᠭᠡ ᠭᠤᠣᠯᠳᠠᠯᠭᠠᠳᠦ ᠦᠵᠡᠮᠵᠢ ᠶᠢᠨ ᠣᠷᠣᠨ ᠤ | ᠰᠠᠭᠤᠷᠢ ᠲᠦᠭᠦᠭᠡᠷᠦᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠣ᠂ ᠶᠡᠭᠡ ᠲᠣᠬᠤᠢ᠂ ᠪᠠᠶᠠᠨᠰᠢᠪᠡᠷ ᠤᠨ ᠲᠠᠯ᠎ᠠ | ᠨᠣᠳᠤᠭ ᠤᠨ ᠪᠦᠳᠦᠭᠡᠨ ᠪᠠᠶᠢᠭᠤᠯᠣᠯᠳᠠ ᠶᠢ ᠨᠢᠭᠡᠳᠦᠯᠳᠠᠢ ᠲᠦᠯᠦᠪᠵᠢᠭᠦᠯᠵᠣ᠂ ᠣᠷᠳᠣᠰ ᠰᠣᠶᠣᠯ ᠵᠢᠭᠤᠯᠴᠢᠯᠠᠯ ᠤᠨ | ᠲᠣᠰᠬᠤᠨ ᠶᠡᠭᠡ ᠬᠠᠭᠠᠨ ᠤ ᠶᠠᠪᠣᠭᠤᠯ ᠣᠷᠳᠣᠨ ᠵᠡᠷᠭᠡ ᠦᠵᠡᠮᠵᠢ ᠶᠢᠨ ᠣᠷᠣᠨ ᠤ ᠲᠡᠰ ᠲᠡᠪᠰᠢᠯᠳᠡ ᠶᠢ | ᠲᠦᠷᠭᠡᠳᠬᠡᠵᠣ᠂ ᠡᠳ᠋ᠯᠡᠩ ᠤᠨ ᠬᠡᠯᠪᠡᠷᠢ ᠤᠨ ᠵᠢᠭᠤᠯᠴᠢᠯᠠᠯ ᠤᠨ ᠣᠶᠢᠯᠠᠰ ᠢ ᠨᠦᠬᠦᠪᠦᠷᠢᠯᠡᠨ ᠬᠦᠭᠵᠢᠭᠦᠯᠵᠣ᠂ ᠴᠡᠯᠮᠡᠭ | ᠠᠭᠠᠷ᠂ ᠴᠡᠯᠭᠡᠷ ᠲᠠᠯ᠎ᠠ᠂ ᠴᠡᠩᠬᠡᠭ ᠣᠰᠣ ᠲᠠᠢ ᠣᠷᠳᠣᠰ ᠤᠨ ᠦᠵᠡᠮᠵᠢ ᠶᠢᠨ ᠵᠠᠮ ᠤᠨ ᠲᠦᠷᠬᠦ ᠶᠢ ᠪᠦᠳᠦᠭᠡᠵᠣ᠂ | ᠨᠢᠩᠰᠢᠶᠠ ᠵᠢᠴᠢ ᠪᠠᠷᠠᠭᠤᠨ ᠣᠷᠣᠨ ᠤ ᠵᠢᠭᠤᠯᠴᠢᠯᠠᠯ ᠤᠨ ᠣᠶᠢᠯᠠᠰ ᠤᠨ ᠬᠦᠭᠵᠢᠯᠳᠡ ᠳᠤ ᠲᠥᠰᠢᠭᠯᠡᠨ | ᠦᠷᠢᠰᠦᠯᠳᠦᠬᠦ ᠬᠦᠴᠦᠨ ᠢᠶᠠᠨ ᠲᠡᠭᠡᠭᠰᠢᠯᠡᠭᠦᠯᠦᠨ᠎ᠡ᠃ ᠬᠤᠶᠠᠷ ᠲᠤ ᠰᠣᠶᠣᠯ ᠵᠢᠭᠤᠯᠴᠢᠯᠠᠯ ᠤᠨ ᠠᠭᠤᠰᠣᠯᠴᠠᠭ᠎ᠠ ᠶᠢ | ᠲᠦᠷᠭᠡᠳᠬᠡᠵᠣ᠂ ᠲᠠᠬᠢᠯᠭ᠎ᠠ ᠶᠢᠨ ᠰᠣᠶᠣᠯ᠂ ᠬᠤᠷᠢᠮ ᠤᠨ ᠰᠣᠶᠣᠯ᠂ ᠠᠳᠣᠭᠤᠨ ᠰᠣᠶᠣᠯ ᠢ ᠪᠦᠬᠦ ᠲᠠᠯ᠎ᠠ ᠪᠠᠷ | ᠲᠠᠨᠢᠯᠴᠠᠭᠤᠯᠵᠣ ᠤᠯᠠᠭᠠᠨᠮᠥ᠋ᠴᠢᠷ ᠢ ᠵᠠᠬ᠎ᠠ ᠲᠡᠯᠭᠡᠭᠦᠷᠵᠢᠭᠦᠯᠦᠨ ᠡᠵᠡᠭᠨᠡᠬᠦ ᠲᠣᠭᠳᠠᠴᠠ ᠶᠢ ᠰᠦᠪᠡᠭᠴᠢᠯᠡᠨ᠂ ᠲᠠᠯ᠎ᠠ | ᠨᠣᠳᠤᠭ ᠤᠨ ᠰᠣᠶᠣᠯ ᠣᠷᠠᠯᠢᠭ ᠤᠨ ᠣᠷᠳᠣᠨ᠂ ᠶᠡᠭᠡ ᠲᠣᠯᠣᠨ ᠮᠠᠩᠬ᠎ᠠ᠂ ᠬᠤᠰᠢᠭᠤᠨ ᠤ ᠰᠣᠶᠣᠯ ᠣᠷᠠᠯᠢᠭ ᠤᠨ | ᠲᠣᠭᠯᠠᠯᠳᠠ ᠶᠢᠨ ᠲᠦᠪ ᠵᠡᠷᠭᠡ ᠴᠢᠬᠤᠯᠡ ᠲᠠᠪᠴᠠᠩ ᠲᠤ ᠲᠥᠰᠢᠭᠯᠡᠵᠥ ᠦᠨᠳᠦᠰᠦᠳᠡᠨ ᠤ ᠦᠪᠡᠷᠮᠢᠴᠡ ᠣᠨᠴᠠᠯᠢᠭᠳᠦ | ᠰᠣᠶᠣᠯ᠂ ᠰᠣᠶᠣᠯ ᠣᠷᠠᠯᠢᠭ ᠤᠨ ᠠᠵᠣ ᠣᠶᠢᠯᠠᠰ ᠤᠨ ᠣᠶᠢᠯᠠᠰᠵᠢᠭ᠍ᠰᠡᠨ ᠬᠦᠭᠵᠢᠯᠳᠠ ᠶᠢ ᠠᠬᠢᠭᠤᠯᠣᠨ᠎ᠠ᠃ ᠰᠣᠶᠣᠯ | ᠤᠨ ᠠᠵᠣ ᠣᠶᠢᠯᠠᠰ ᠤᠨ ᠬᠦᠷᠢᠶᠡᠯᠡᠩ ᠤᠨ ᠠᠵᠢᠯᠯᠠᠮᠵᠢ ᠪᠣᠯᠣᠨ ᠵᠢᠭᠤᠯᠴᠢᠯᠠᠯ ᠤᠨ ᠣᠶᠢᠯᠠᠰ ᠤᠨ ᠬᠦᠭᠵᠢᠯᠳᠠ | ᠨᠢᠭᠳᠠ ᠣᠶᠠᠯᠳᠣᠭᠤᠯᠵᠣ᠂ ᠠᠷᠠᠯᠵᠢᠶᠠᠴᠢᠨ ᠣᠷᠢᠵᠣ ᠪᠡᠯᠡ ᠲᠠᠲᠠᠬᠤ ᠡᠷᠴᠢᠮ ᠢᠶᠠᠨ ᠣᠯᠠᠮ ᠨᠡᠮᠡᠭᠳᠡᠭᠦᠯᠵᠣ᠂ ᠪᠣᠳᠠᠳᠦ | ᠬᠦᠴᠦᠨ ᠲᠠᠢ ᠰᠣᠶᠣᠯ ᠤᠨ ᠠᠵᠣ ᠠᠬᠤᠶᠢᠯᠠᠯ ᠢ ᠣᠷᠢᠨ ᠠᠪᠴᠢᠷᠠᠵᠣ᠂ ᠰᠣᠶᠣᠯ ᠤᠨ ᠠᠵᠣ ᠣᠶᠢᠯᠠᠰ ᠤᠨ | ᠬᠦᠷᠢᠶᠡᠯᠡᠩ ᠤᠨ ᠠᠮᠢᠵᠢᠷᠠᠯ ᠤᠨ ᠬᠦᠴᠦᠨ ᠢ ᠬᠦᠭᠵᠢᠭᠡᠵᠣ᠂ ᠴᠣᠭᠯᠠᠷᠠᠯ ᠬᠦᠭᠵᠢᠯᠳᠠ ᠶᠢᠨ ᠦᠷ᠎ᠡ ᠠᠰᠢᠭ ᠢ | ᠠᠯᠬᠤᠮ ᠠᠯᠬᠤᠮ ᠢᠶᠠᠷ ᠪᠠᠳᠠᠷᠠᠭᠤᠯᠵᠤ᠂ ᠣᠷᠣᠨ ᠨᠣᠳᠤᠭ ᠤᠨ ᠰᠣᠶᠣᠯ ᠤᠨ ᠣᠨᠴᠠᠯᠢᠭ ᠢ ᠬᠠᠷᠠᠭᠤᠯᠬᠤ᠂ | ᠵᠢᠭᠤᠯᠴᠢᠯᠠᠯ ᠤᠨ ᠣᠶᠢᠯᠠᠰ ᠤᠨ ᠬᠦᠭᠵᠢᠯᠳᠠ ᠶᠢ ᠠᠬᠢᠭᠤᠯᠬᠤ ᠴᠢᠬᠤᠯᠡ ᠲᠠᠪᠴᠠᠩ ᠢ ᠪᠠᠶᠢᠭᠤᠯᠣᠨ᠎ᠠ᠃ ᠭᠤᠷᠪᠠ ᠳᠤ | ᠮᠦᠩᠭᠦᠨ ᠭᠥᠢᠯᠭᠡᠭᠡᠨ ᠤ ᠭᠥᠭᠵᠢᠯᠳᠡ ᠶᠢ ᠲᠡᠭᠡᠳᠦ ᠬᠡᠮᠵᠢᠶ᠎ᠡ ᠪᠠᠷ ᠬᠦᠨᠳᠦᠳᠬᠡᠵᠣ᠂ ᠣᠶᠢᠯᠠᠳᠪᠦᠷᠢ ᠬᠤᠳᠠᠯᠳᠣᠭᠠᠨ | ᠤ ᠪᠠᠩᠬᠢ᠂ ᠪᠦᠳᠦᠭᠡᠨ ᠪᠠᠶᠢᠭᠤᠯᠣᠯᠳᠠ ᠶᠢᠨ ᠪᠠᠩᠬᠢ ᠵᠡᠷᠭᠡ ᠣᠯᠣᠰ ᠤᠨ ᠮᠦᠩᠭᠦᠨ ᠭᠦᠢᠯᠭᠡᠭᠡᠨ ᠤ ᠠᠵᠣ ᠠᠬᠤᠶᠢᠯᠠᠯ | ᠤᠨ ᠰᠠᠯᠠᠪᠦᠷᠢ ᠪᠠᠶᠢᠭᠤᠯᠣᠮᠵᠢ ᠪᠠᠶᠢᠭᠤᠯᠬᠤ ᠶᠢ ᠲᠡᠮᠵᠢᠨ᠂ ᠮᠠᠯ ᠲᠠᠷᠢᠶᠠᠯᠠᠩ ᠲᠠᠢ ᠬᠤᠯᠪᠣᠭᠳᠠᠬᠤ ᠮᠦᠩᠭᠦᠨ | ᠭᠦᠢᠯᠭᠡᠭᠡᠨ ᠤ ᠪᠠᠶᠢᠭᠤᠯᠣᠮᠵᠢ ᠶᠢᠨ ᠲᠣᠬᠠᠶᠢᠯᠠᠭᠰᠠᠨ ᠠᠵᠢᠯ ᠢᠶᠠᠨ ᠦᠷᠭᠡᠳᠬᠡᠬᠦ ᠶᠢ ᠵᠣᠷᠢᠭᠵᠢᠭᠤᠯᠵᠣ᠂ ᠮᠠᠯ | ᠲᠠᠷᠢᠶᠠᠯᠠᠩ ᠢ ᠲᠣᠰᠠᠯᠠᠬᠤ ᠡᠯ᠎ᠡ ᠲᠦᠷᠦᠯ ᠤᠨ ᠵᠢᠭᠡᠯᠡᠯᠭᠡ ᠶᠢ 15% ᠠᠴᠠ ᠲᠡᠭᠡᠭᠰᠢ ᠨᠡᠮᠡᠭᠳᠡᠭᠦᠯᠵᠦ᠂ ᠦᠨᠳᠦᠷ | ᠪᠦᠳᠦᠮᠵᠢᠳᠠᠢ᠂ ᠠᠮᠣᠷ ᠲᠦᠪᠰᠢᠨ᠂ ᠲᠦᠭᠦᠮ ᠲᠦᠳᠡ ᠣᠳᠣ ᠦᠶ᠎ᠡ ᠶᠢᠨ ᠮᠦᠩᠭᠦᠨ ᠭᠦᠢᠯᠭᠡᠭᠡᠨ ᠤ ᠬᠦᠭᠵᠢᠯᠳᠡ | ᠶᠢᠨ ᠰᠢᠰᠲ᠋ᠧᠮ ᠢ ᠪᠠᠶᠢᠭᠤᠯᠣᠨ᠎ᠠ᠃ ᠡᠳ᠋ ᠪᠣᠳᠠᠰ ᠤᠨ ᠭᠦᠢᠯᠭᠡᠭᠡ᠂ ᠮᠠᠰᠢᠨ ᠰᠡᠯᠪᠢᠬᠦ᠂ ᠢᠳᠡᠭᠡᠨ ᠪᠣᠯᠪᠠᠰᠦᠷᠠᠭᠤᠯᠬᠤ | ᠵᠡᠷᠭᠡ ᠣᠶᠢᠯᠠᠰ ᠢ ᠴᠡᠭᠴᠡᠯᠡᠵᠣ᠂ ᠬᠡᠪᠴᠢᠶᠡᠵᠢᠭᠰᠡᠨ ᠡᠵᠡᠭᠨᠡᠯᠳᠡ ᠶᠢ ᠪᠡᠶᠡᠯᠡᠭᠦᠯᠵᠣ᠂ ᠬᠠᠮᠳᠦ ᠪᠠᠷ ᠣᠶᠢᠯᠠᠴᠢᠯᠠᠬᠦ ᠶᠢ | ᠪᠡᠶᠡᠯᠡᠭᠦᠯᠦᠨ᠎ᠡ᠃ ᠭᠡᠷ ᠤᠨ ᠶᠠᠪᠣᠳᠠᠯ ᠤᠨ ᠣᠶᠢᠯᠡᠴᠢᠯᠡᠭᠡ᠂ ᠡᠷᠡᠭᠦᠯ ᠨᠠᠰᠦᠵᠢᠯ ᠵᠡᠷᠭᠡ ᠰᠢᠨ᠎ᠡ ᠬᠡᠯᠪᠡᠷᠢ ᠶᠢᠨ | ᠣᠶᠢᠯᠠᠰ ᠢᠢᠳᠡᠪᠬᠢᠳᠠᠢ ᠬᠦᠭᠵᠢᠭᠦᠯᠵᠣ᠂ ᠬᠡᠷᠭᠯᠡᠭᠡᠨ ᠤ ᠣᠷᠣᠨ ᠵᠠᠢ ᠶᠢ ᠲᠠᠰᠣᠷᠠᠯᠳᠠ ᠦᠭᠡᠢ ᠦᠷᠭᠡᠳᠭᠡᠨ᠎ᠡ᠃ | ︵ᠬᠤᠶᠠᠷ︶ ᠬᠤᠳᠠ ᠬᠦᠳᠡᠭᠡ ᠶᠢᠨ ᠨᠢᠭᠡᠳᠦᠯᠳᠠᠢ ᠬᠦᠭᠵᠢᠯᠳᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ | ᠃ ᠪᠣᠳᠠᠳᠠᠢ ᠠᠴᠠ ᠡᠭᠦᠰᠴᠣ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠳᠡᠯᠡᠵᠣ᠂ ᠲᠣᠷᠰᠢᠯᠳᠠ ᠶᠢᠨ ᠴᠡᠭ ᠤᠨ | ᠪᠠᠶᠢᠭᠤᠯᠵᠣ ᠲᠠᠭᠤᠰᠣᠭᠠᠳᠣᠢ ᠲᠦᠷᠦᠯ ᠵᠣᠶᠢᠯ ᠢ ᠭᠤᠣᠯᠳᠠᠯᠭ᠎ᠠ ᠲᠠᠢ ᠲᠡᠭᠦᠯᠳᠡᠷᠵᠢᠭᠦᠯᠵᠣ᠂ ᠪᠦᠳᠦᠭᠡᠨ | ᠪᠠᠶᠢᠭᠤᠯᠣᠯᠳᠠ ᠶᠢᠨ ᠦᠷ᠎ᠡ ᠪᠦᠳᠦᠭᠡᠯ ᠢ ᠦᠷᠭᠡᠳᠬᠡᠵᠣ᠂ ᠬᠦᠭᠵᠢᠯᠳᠠ ᠶᠢᠨ ᠲᠡᠰ ᠲᠠᠪᠬᠤᠷᠭ᠎ᠠ ᠶᠢ | ᠲᠡᠭᠡᠭᠰᠢᠯᠡᠭᠦᠯᠦᠨ᠎ᠠ᠃ | ᠭᠤᠣᠯᠳᠠᠯᠭᠠᠳᠦ ᠬᠤᠳᠠ ᠪᠠᠯᠭᠠᠰᠦᠨ ᠤ ᠴᠢᠳᠡᠪᠬᠢ ᠪᠣᠯᠣᠨ ᠵᠡᠷᠭᠡ ᠲᠡᠰ ᠢ ᠲᠡᠭᠡᠭᠰᠢᠯᠡᠭᠦᠯᠦᠨ᠎ᠡ᠃ ᠣᠯᠵᠠᠴᠢ | ᠶᠢᠨ ᠵᠡᠭᠦᠨ ᠭᠠᠷᠬᠤ ᠵᠠᠮ᠂ ᠡᠮᠦᠨ᠎ᠡ ᠭᠠᠷᠬᠤ ᠵᠠᠮ᠂ ᠪᠠᠯᠭᠠᠰᠣᠨ ᠲᠣᠭᠤᠷᠢᠭ ᠤᠨ ᠭᠤᠣᠯ ᠵᠠᠮ ᠵᠡᠭᠡᠯᠢ᠂ ᠴᠡᠴᠡᠷᠯᠢᠭ᠂ | ᠰᠠᠭᠤᠭᠠᠯᠢ ᠠᠷᠠᠳ ᠤᠨ ᠲᠣᠭᠤᠷᠢᠭ ᠢ ᠵᠣᠬᠢᠮᠵᠢᠳᠠᠢ ᠦᠵᠡᠮᠵᠢᠳᠠᠢ ᠣᠶᠢᠵᠢᠭᠤᠯᠵᠣ᠂ ᠰᠢᠨ᠎ᠡ ᠪᠠᠷ 56 ᠲᠦᠮᠡᠨ | ᠲᠡᠭᠰᠢ ᠲᠦᠷᠪᠡᠯᠵᠢᠨ ᠮᠧᠲᠷ ᠣᠶᠢᠵᠢᠭᠤᠯᠣᠨ᠂ ᠣᠶᠢᠵᠢᠭᠤᠯᠣᠯᠳᠠ ᠶᠢᠨ ᠶᠡᠷᠦᠩᠬᠡᠢ ᠲᠠᠯᠠᠪᠠᠢ ᠶᠢ 400 ᠲᠦᠮᠡᠨ | ᠲᠡᠭᠰᠢ ᠲᠦᠷᠪᠡᠯᠵᠢᠨ ᠮᠧᠲᠷ ᠠᠴᠠ ᠲᠠᠪᠠᠭᠤᠯᠵᠣ᠂ ᠨᠣᠮᠢᠨ ᠨᠣᠭᠤᠭᠠᠨ᠂ ᠲᠠᠭᠠᠯᠠᠮᠵᠢᠳᠠᠢ ᠰᠡᠯᠡᠭᠦᠨ ᠠᠮᠢᠳᠣᠷᠠᠯ ᠤᠨ | ᠣᠷᠴᠢᠨ ᠶᠢ ᠪᠣᠢ ᠪᠣᠯᠭᠠᠨ᠎ᠠ᠃ ᠬᠤᠳᠠ ᠪᠠᠯᠭᠠᠰᠣᠨ ᠤ ᠬᠠᠮᠢᠶᠠᠷᠣᠯᠳᠠ ᠪᠠᠨ ᠨᠡᠷᠢᠯᠢᠭ᠌ᠵᠢᠭᠤᠯᠵᠣ᠂ ᠠᠳᠠᠯ ᠠᠬᠤᠢ ᠶᠢᠨ | ︽ᠱᠠᠩᠨᠠᠯ ᠢᠶᠠᠷ ᠨᠦᠬᠦᠪᠦᠷᠢᠯᠡᠬᠦ︾ ᠲᠦᠷᠦ ᠶᠢᠨ ᠪᠣᠳᠣᠯᠭ᠎ᠠ ᠶᠢ ᠰᠦᠪᠡᠭᠴᠢᠯᠡᠵᠤ᠂ ︽ ᠪᠦᠬᠦ ᠣᠯᠣᠰ ᠤᠨ ᠡᠷᠡᠭᠦᠯ | ᠬᠠᠮᠠᠭᠠᠯᠠᠯ ᠤᠨ ᠬᠤᠰᠢᠭᠤ ᠶᠢ ᠴᠣᠭᠴᠠᠯᠠᠬᠤ︾ ᠠᠵᠢᠯ ᠤᠨ ᠲᠠᠭᠠᠭᠠᠮᠭᠠᠢ ᠲᠣᠭᠳᠠᠴᠠ ᠶᠢ ᠪᠠᠶᠢᠭᠤᠯᠵᠣ᠂ ᠬᠤᠳᠠ | ᠪᠠᠯᠭᠠᠰᠦ ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠭᠦᠯᠦᠯᠳᠠ ᠶᠢ ᠴᠢᠩᠭᠠᠳᠬᠠᠵᠣ᠂ ᠴᠡᠪᠡᠷ ᠲᠣᠬᠢᠯᠢᠭ ᠣᠷᠣᠰᠢᠨ | ᠰᠠᠭᠤᠷᠰᠢᠬᠤ ᠣᠷᠴᠢᠨ ᠢ ᠪᠦᠷᠢᠯᠳᠦᠭᠦᠯᠵᠣ᠂ ᠦᠵᠡᠰᠭᠦᠯᠡᠩ ᠲᠡᠭᠦᠯᠳᠡᠷ ᠣᠳᠤᠭ ᠤᠨ ᠡᠮᠦᠨᠡᠳᠦ ᠬᠤᠰᠢᠭᠤ ᠶᠢ | ᠪᠦᠳᠦᠭᠡᠨ ᠪᠠᠶᠢᠭᠤᠯᠣᠨ᠎ᠠ᠃ ᠶᠢᠨ ᠰᠢᠦ ᠯᠢ ᠳ᠋ᠣᠣ ᠵᠡᠷᠬᠡ ᠪᠠᠶᠢᠭᠤᠯᠵᠣ ᠪᠦᠬᠦᠢ ᠲᠦᠷᠦᠯ ᠵᠣᠶᠢᠯ ᠤᠨ ᠠᠬᠢᠴᠠ ᠶᠢ | ᠲᠦᠷᠭᠡᠳᠭᠡᠵᠣ᠂ ᠭᠡᠷ ᠪᠠᠶᠢᠰᠢᠩ ᠭᠠᠵᠠᠷ ᠬᠦᠷᠦᠩᠭᠡ ᠨᠡᠭᠡᠭᠡᠯᠳᠡ ᠶᠢᠨ ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ | ᠰᠢᠢᠳᠪᠦᠷᠢᠯᠡᠵᠣ᠂ ᠠᠵᠣ ᠠᠬᠤᠶᠢᠯᠡᠯ ᠢ ᠬᠠᠣᠯᠢ ᠶᠣᠰᠣᠭᠠᠷ ᠠᠯᠪᠠᠳᠠᠨ ᠲᠠᠭᠤᠰᠣᠭᠠᠳᠣᠢ ᠪᠠᠷᠢᠯᠭ᠎ᠠ ᠶᠢᠨ ᠠᠵᠢᠯ ᠢ | ᠱᠠᠭᠠᠷᠳᠡᠨ ᠲᠠᠭᠤᠰᠬᠠᠨ᠎ᠠ᠃ ᠱᠠᠩᠬᠠᠢ ᠶᠢᠨ ᠰᠦᠮ᠎ᠡ ᠪᠠᠯᠭᠠᠰᠦ ᠶᠢᠨ ᠬᠤᠳᠠ ᠪᠠᠯᠭᠠᠰᠣᠨ ᠤ ᠬᠠᠮᠢᠶᠠᠷᠣᠯᠳᠠ ᠪᠣᠯᠣᠨ | ᠣᠶᠢᠵᠢᠭᠤᠯᠵᠣ ᠬᠠᠮᠠᠭᠠᠯᠠᠬᠤ ᠠᠵᠢᠯ ᠢ ᠴᠢᠬᠤᠯᠠᠴᠢᠯᠠᠵᠣ᠂ ᠵᠢᠷᠠᠨ ᠬᠠᠶᠢᠯᠠᠰᠦ ᠴᠡᠴᠡᠷᠯᠢᠭ᠂ ᠠᠭᠤᠷᠬᠠᠢ ᠣᠷᠣᠨ ᠤ | ᠣᠶᠢᠵᠢᠭᠤᠯᠣᠯᠳᠠ ᠶᠢ ᠢᠳᠡᠪᠬᠢᠲᠡᠢ ᠠᠬᠢᠭᠤᠯᠵᠣ᠂ ᠬᠤᠳᠠ ᠪᠠᠯᠭᠠᠰᠣᠨ ᠤ ᠭᠡᠷᠡᠯᠳᠦᠭᠦᠯᠭᠡ ᠶᠢ ᠵᠣᠬᠢᠰᠳᠠᠢ | ᠲᠡᠭᠡᠭᠰᠢᠯᠡᠭᠦᠯᠵᠤ᠂ ᠰᠢᠨ᠎ᠡ ᠪᠠᠷ 40 ᠲᠦᠮᠡᠨ ᠲᠡᠭᠰᠢ ᠲᠦᠷᠪᠡᠯᠵᠢᠨ ᠮᠧᠲᠷ ᠣᠶᠢᠵᠢᠭᠤᠯᠣᠨ᠎ᠠ᠃ ᠭᠤᠣᠯ | ᠬᠤᠳᠠᠯᠳᠦᠭᠠᠨ ᠤ ᠲᠣᠭᠤᠷᠢᠭ ᠪᠣᠯᠣᠨ ᠡᠯ᠎ᠡ ᠰᠠᠭᠤᠭᠠᠯᠢ ᠲᠣᠭᠤᠷᠢᠭ ᠵᠢᠴᠢ ᠪᠠᠳᠣᠯᠠᠭ᠎ᠠ ᠶᠢᠨ ᠣᠷᠣᠨ ᠰᠠᠭᠤᠴᠠ ᠶᠢᠨ | ᠪᠠᠶᠢᠭᠤᠯᠣᠯᠳᠠ ᠢ ᠲᠥᠷᠭᠡᠳᠬᠡᠵᠤ᠂ ᠵᠢᠯ ᠤᠨ ᠲᠣᠳᠣᠷ᠎ᠠ ᠪᠣᠵᠠᠷ ᠣᠰᠦ ᠪᠣᠯᠣᠨ ᠬᠤᠭ ᠨᠣᠪᠰᠢ ᠰᠢᠢᠳᠪᠦᠷᠢᠯᠡᠬᠦ | ᠣᠶᠢᠯᠠᠳᠪᠦᠷᠢ ᠶᠢᠨ ᠪᠠᠷᠢᠯᠭ᠎ᠠ ᠶᠢᠨ ᠠᠵᠢᠯ ᠢ ᠲᠠᠭᠤᠰᠬᠠᠨ᠎ᠠ᠃ ᠬᠤᠳᠠ ᠪᠠᠯᠭᠠᠰᠦ ᠪᠣᠯᠣᠨ ᠬᠦᠷᠢᠶᠡᠯᠡᠩ ᠲᠣᠭᠤᠷᠢᠭ | ᠤᠨ ᠬᠠᠮᠳᠦ ᠪᠠᠷ ᠬᠦᠭᠵᠢᠬᠦ ᠶᠢ ᠲᠦᠷᠭᠡᠳᠬᠡᠵᠣ᠂ ᠪᠠᠯᠭᠠᠰᠣᠨ ᠲᠣᠭᠤᠷᠢᠭ ᠲᠤ 4 ᠵᠣᠷᠪᠣᠰ ᠨᠡᠶᠢᠳᠡ ᠶᠢᠨ ᠮᠠᠰᠢᠨ | ᠲᠡᠷᠭᠡᠨ ᠤ ᠵᠠᠮ ᠱᠣᠭᠤᠮ ᠢ ᠰᠢᠨ᠎ᠡ ᠪᠠᠷ ᠨᠡᠭᠡᠭᠡᠵᠣ᠂ ᠣᠶᠢᠯᠠᠳᠪᠦᠷᠢᠯᠠᠯ ᠠᠮᠢᠳᠣᠷᠠᠯ ᠤᠨ ᠴᠢᠨᠠᠷᠲᠠᠢ ᠣᠶᠢᠯᠠᠴᠢᠯᠡᠭᠡ ᠶᠢ | ᠠᠮᠢᠳᠣᠯᠢᠭᠵᠢᠭᠤᠯᠵᠣ᠂ ᠬᠤᠳᠠ ᠪᠠᠯᠭᠠᠰᠣᠨ ᠤ ᠪᠦᠬᠦᠯᠢ ᠴᠣᠭᠴᠠ ᠶᠢᠨ ᠴᠢᠳᠠᠪᠬᠢ ᠶᠢ ᠲᠡᠭᠡᠭᠰᠢᠯᠡᠭᠦᠯᠵᠣ᠂ | ᠠᠭᠤᠷᠬᠠᠢ ᠣᠷᠣᠨ ᠤ ᠠᠵᠢᠯᠳᠠᠨ᠂ ᠭᠠᠳᠠᠨ᠎ᠠ ᠠᠴᠠ ᠢᠷᠡᠭᠰᠡᠳ᠂ ᠰᠢᠯᠵᠢᠭᠰᠡᠨ ᠮᠠᠯᠴᠢᠨ ᠲᠠᠷᠢᠶᠠᠴᠢᠨ ᠤ ᠣᠷᠣᠰᠢᠨ | ᠰᠠᠭᠤᠬᠤ᠂ ᠬᠡᠷᠡᠭᠯᠡᠭᠡ᠂ ᠣᠶᠢᠯᠠᠰ ᠪᠦᠳᠦᠭᠡᠬᠦ ᠣᠬᠢ ᠣᠷᠴᠢᠨ ᠢ ᠪᠣᠢ ᠪᠣᠯᠭᠠᠵᠣ᠂ ᠬᠤᠳᠠ ᠪᠠᠯᠭᠠᠰᠣᠨ ᠤ ᠲᠠᠲᠠᠬᠤ | ᠬᠦᠴᠦᠨ ᠢ ᠲᠠᠶᠢᠴᠢᠯᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠥᠢᠯᠡᠳᠪᠥᠷᠢᠯᠡᠯ ᠠᠮᠢᠳᠥᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃ | ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠴᠤᠭᠯᠠᠭ᠎ᠠ ᠪᠠᠯᠭᠠᠰᠤ ᠶᠢᠨ ᠪᠠᠶᠢᠭᠤᠯᠤᠯᠳᠠ ᠶᠢ | ᠴᠢᠩᠭᠠᠤᠨᠬᠠᠬᠤ ᠲᠤᠬᠢᠶᠠᠯ ᠢ ᠡᠵᠡᠮᠳᠠᠵᠤ ᠢᠳᠡᠪᠬᠢᠳᠡᠢ ᠪᠠᠷ ᠪᠡᠯᠡ ᠤᠯᠤᠨ ᠵᠠᠬ᠎ᠠ ᠲᠠᠯᠭᠡᠭᠦᠷ ᠤᠨ ᠥᠢᠯᠡᠳᠥᠯ ᠢ | ᠪᠠᠳᠠᠷᠠᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠥᠢᠯ ᠢ ᠲᠡᠭᠦᠯᠳᠡᠷᠵᠢᠭᠦᠯᠥᠨ ᠬᠤᠳᠠ ᠪᠠᠯᠭᠠᠰᠤᠨ ᠤ ᠴᠢᠳᠠᠪᠬᠢ ᠶᠢ | ᠲᠡᠭᠡᠭᠰᠢᠯᠡᠭᠦᠯᠵᠥ᠂ ᠨᠠᠩᠰᠤ ᠪᠠᠯᠭᠠᠰᠤ ᠪᠤᠯᠤᠨ ᠪᠤᠷᠤᠪᠠᠯᠭᠠᠰᠤ ᠶᠢ ᠮᠠᠯ ᠲᠠᠷᠢᠶᠠᠯᠠᠩ ᠤᠨ ᠥᠢᠯᠡᠰ ᠲᠤ ᠬᠠᠨᠳᠤᠭᠤᠯᠤᠨ | ᠂ ᠮᠠᠯᠴᠢᠨ ᠲᠠᠷᠢᠶᠠᠴᠢᠳ ᠲᠤ ᠥᠢᠯᠡᠴᠢᠯᠡᠭᠦᠯᠭᠦ ᠴᠢᠬᠤᠯᠠ ᠲᠠᠪᠴᠠᠩ ᠪᠤᠯᠭᠠᠨ ᠴᠤᠭᠴᠠᠯᠠᠨ᠎ᠠ᠃ ᠭᠠᠴᠠᠭ᠎ᠠ ᠳᠤᠰᠬᠤᠨ | ᠤ ᠴᠡᠭᠴᠡᠵᠢᠭᠦᠯᠥᠯᠳᠡ ᠶᠢ ᠲᠥᠷᠭᠡᠳᠭᠡᠨ ᠡᠬᠢ ᠰᠤᠷᠪᠤᠯᠵᠢ ᠶᠢᠨ ᠰᠢᠯᠢᠳᠡᠭᠵᠢᠭᠦᠯᠥᠭᠰᠡᠨ ᠲᠤᠬᠢᠷᠭᠤᠯᠤᠯᠳᠠ ᠶᠢ | ᠠᠬᠢᠭᠤᠯᠤᠨ᠎ᠠ︔ ᠶᠡᠭᠡ ᠳᠤᠬᠤᠢ᠂ ᠲᠥᠪᠡᠳ ᠰᠢᠨ᠎ᠡ ᠮᠠᠶ᠋ᠢᠭ ᠤᠨ ᠠᠶᠢᠯ ᠳᠤᠰᠬᠤᠨ ᠤᠨ ᠪᠠᠶᠢᠭᠤᠯᠤᠯᠳᠠ ᠶᠢ ᠪᠥᠬᠦ | ᠲᠠᠯ᠎ᠠ ᠪᠠᠷ ᠲᠡᠭᠦᠯᠳᠡᠷᠵᠢᠭᠦᠯᠵᠤ᠂ ᠲᠥᠷᠥᠭᠦᠥ ᠬᠠᠭᠠᠰ ᠵᠢᠯ ᠳᠤ ᠤᠷᠤᠵᠤ ᠰᠠᠭᠤᠬᠤ ᠶᠢ ᠪᠠᠳᠤᠯᠠᠨ᠎ᠠ᠃ ᠰᠢᠨ᠎ᠡ ᠮᠠᠶ᠋ᠢᠭ | ᠤᠨ ᠠᠶᠢᠯ ᠳᠤᠰᠬᠤᠨ ᠤ 700 ᠮᠤ᠋ ᠴᠡᠴᠡᠷᠯᠢᠭᠵᠢᠭᠦᠯᠥᠯᠳᠡ ᠶᠢ ᠪᠡᠶᠡᠯᠡᠭᠦᠯᠵᠥ᠂ ᠤᠰᠤ ᠴᠠᠬᠢᠯᠭᠠᠨ ᠳᠤᠯᠠᠭᠠᠯᠠᠮᠵᠢ | ᠵᠡᠷᠭᠡ ᠳᠥᠬᠦᠷ ᠳᠥᠬᠦᠭᠡᠷᠥᠮᠵᠢ ᠶᠢ ᠲᠡᠭᠦᠯᠳᠡᠷᠵᠢᠭᠦᠯᠥᠨ᠂ ᠨᠥᠭᠦᠴᠡᠯ ᠲᠠᠢ ᠳᠤᠰᠬᠤᠨ ᠳᠤ ᠲᠥᠭᠡᠭᠡᠯ ᠤᠰᠤ ᠪᠤᠯᠤᠨ | ᠰᠢᠳᠠᠮᠠᠬᠠᠢ ᠬᠡᠢ ᠨᠡᠪᠳᠡᠷᠭᠦᠯᠵᠤ᠂ ᠤᠳᠤᠬᠢᠴᠢᠯᠠᠭᠰᠠᠨ ᠰᠢᠨ᠎ᠡ ᠬᠥᠳᠡᠭᠡ ᠳᠤᠰᠬᠤᠨ ᠰᠢᠨ᠎ᠡ ᠮᠠᠯᠵᠢᠬᠤ ᠤᠷᠤᠨ ᠤ | ᠳᠠᠭᠤᠷᠢᠶᠠᠯ ᠤᠷᠤᠨ ᠪᠤᠯᠭᠠᠨ ᠴᠤᠭᠴᠠᠯᠠᠨ᠎ᠠ᠃ ᠨᠤᠷᠠᠬᠤ ᠠᠶᠤᠯᠳᠠᠢ ᠭᠡᠷ ᠪᠠᠶᠢᠰᠢᠩ ᠢ ᠰᠡᠯᠪᠢᠨ ᠵᠠᠰᠠᠬᠤ ᠪᠠ | ᠳᠤᠰᠬᠤᠨ ᠤ ᠲᠦᠷᠬᠦ ᠵᠠᠰᠠᠯᠲᠠ ᠶᠢᠨ ᠲᠥᠯᠥᠪᠵᠢᠭᠦᠯᠭᠡ ᠲᠤᠭᠳᠠᠭᠠᠵᠤ᠂ ᠬᠤᠲᠠ ᠬᠥᠳᠡᠭᠡ ᠶᠢᠨ ᠠᠭᠤᠯᠵᠠᠷ᠂ ᠵᠠᠮ | ᠲᠠᠭᠠᠤ ᠤᠷᠤᠨ ᠪᠤᠯᠤᠨ ᠬᠥᠳᠡᠭᠡ ᠳᠤᠰᠬᠤᠨ ᠤ ᠵᠠᠮᠪᠠᠷᠠᠭ᠎ᠠ ᠥᠭᠡᠢ ᠪᠤᠵᠠᠷ ᠪᠠᠶᠢᠬᠤ ᠠᠰᠠᠭᠤᠳᠠᠯ ᠢ ᠭᠤᠤᠯᠳᠠᠯᠭᠠᠲᠠᠢ | ᠰᠢᠢᠳᠪᠥᠷᠢᠯᠡᠨ᠂ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠲᠤᠬᠢᠳᠠᠢ ᠪᠤᠯᠭᠠᠨ᠎ᠠ᠃ ᠮᠠᠯᠴᠢᠨ ᠲᠠᠷᠢᠶᠠᠴᠢᠳ | ᠤᠨ ᠰᠠᠨᠠᠯ ᠪᠤᠳᠤᠯ ᠢ ᠴᠢᠬᠤᠯᠠᠴᠢᠯᠠᠨ᠂ ᠬᠥᠮᠥᠨ ᠠᠮᠠ ᠰᠢᠯᠵᠢᠭᠦᠯᠥᠯᠲᠡ ᠶᠢ ᠨᠢᠭᠡᠳᠥᠯᠲᠡᠢ ᠲᠥᠯᠥᠪᠵᠢᠭᠦᠯᠵᠤ᠂ | ᠰᠢᠯᠵᠢᠬᠦ ᠨᠥᠭᠦᠴᠡᠯ ᠳᠤ ᠨᠡᠶᠢᠴᠡᠭᠰᠡᠨ ᠦᠭᠡᠢ ᠤᠷᠤᠨ ᠤ ᠮᠠᠯᠴᠢᠨ ᠲᠠᠷᠢᠶᠠᠴᠢᠳ ᠤᠨ ᠠᠵᠤ ᠠᠮᠢᠳᠥᠷᠠᠯ ᠤᠨ | ᠭᠥᠴᠢᠷᠳᠡᠯ ᠢ ᠨᠠᠷᠢᠯᠢᠭ ᠰᠤᠳᠤᠯᠤᠨ ᠨᠢᠮᠪᠠᠢ ᠲᠤᠬᠢᠷᠠᠭᠤᠯᠤᠨ᠎ᠠ᠃ ᠶᠠᠳᠠᠭᠤ ᠶᠢ ᠲᠡᠳᠭᠦᠭᠦ ᠠᠵᠢᠯ ᠢ | ᠨᠠᠷᠢᠯᠢᠭᠵᠢᠭᠤᠯᠤᠨ ᠪᠤᠳᠠᠳᠠᠶᠢᠵᠢᠭᠤᠯᠵᠤ᠂ ᠶᠠᠳᠠᠭᠤ ᠳᠤᠰᠬᠤᠨ ᠢ ᠪᠦᠬᠦᠶᠢᠯᠡ ᠴᠤᠭᠴᠠ ᠪᠠᠷ ᠨᠢ ᠲᠡᠳᠭᠦᠨ ᠲᠡᠮᠵᠢᠭᠦ | 10 ᠲᠦᠷᠤᠯ ᠵᠦᠢᠯ ᠪᠠ ᠠᠶᠥᠯᠭᠦᠢ ᠤᠰᠤ ᠤᠮᠳᠠ ᠶᠢᠨ 2 ᠢᠨᠵᠧᠨᠧᠷᠢᠩ ᠢ ᠭᠡᠷᠡᠭᠵᠢᠭᠦᠯᠵᠥ᠂ 1000 ᠬᠥᠮᠥᠨ ᠢ | ᠶᠠᠳᠠᠭᠤ ᠠᠴᠠ ᠠᠩᠬᠢᠵᠢᠷᠠᠭᠤᠯᠵᠤ᠂ 500 ᠬᠥᠮᠥᠨ ᠤ ᠤᠰᠤ ᠤᠮᠳᠠ ᠶᠢᠨ ᠠᠰᠠᠭᠤᠳᠠᠯ ᠢ ᠰᠢᠢᠳᠪᠥᠷᠢᠯᠡᠨ᠎ᠡ᠃ | ᠰᠠᠭᠤᠷᠢ ᠲᠦᠬᠦᠭᠡᠷᠦᠮᠵᠢ ᠶᠢᠨ ᠠᠴᠢᠶᠠᠯᠠᠬᠤ ᠴᠢᠳᠡᠪᠣᠷᠢ ᠶᠢ ᠴᠢᠩᠭᠠᠳᠬᠠᠨ᠎ᠠ᠃ ︽ᠬᠡᠨ ᠠᠰᠢᠭ ᠭᠥᠷᠳᠡᠪᠡᠯ | ᠭᠡᠨ ᠪᠡᠯᠡ ᠤᠷᠤᠭᠤᠯᠵᠤ ᠪᠥᠳᠥᠭᠡᠨ ᠪᠠᠶᠢᠭᠤᠯᠬᠤ᠂ ᠤᠷᠢᠳ ᠢᠶᠠᠷ ᠪᠠᠶᠢᠭᠤᠯᠵᠤ ᠬᠤᠶᠢᠨ᠎ᠠ ᠠᠴᠠ ᠨᠢ ᠨᠥᠭᠦᠭᠦ︾ | ᠵᠠᠷᠴᠢᠮ ᠶᠤᠰᠤ ᠪᠠᠷ ᠵᠠᠰᠠᠭ ᠤᠨ ᠣᠷᠳᠣᠨ ᠵᠢᠯᠤᠭᠤᠳᠴᠤ ᠵᠤᠬᠢᠴᠠᠭᠤᠯᠬᠤ ᠪᠠᠷ ᠭᠤᠤᠯᠯᠠᠭᠤᠯᠤᠨ᠂ ᠮᠠᠨ ᠤ | ᠬᠤᠰᠢᠭᠤᠨ ᠳᠤ ᠤᠷᠤᠵᠤ ᠰᠠᠭᠤᠷᠢᠰᠢᠭᠰᠠᠨ ᠴᠢᠯᠠᠭᠤᠨ ᠳᠤᠰᠤ᠂ ᠰᠢᠳᠠᠮᠠᠬᠠᠢ ᠬᠡᠢ᠂ ᠨᠡᠭᠦᠷᠡᠰᠦ ᠵᠡᠷᠬᠡ ᠶᠢᠨ ᠠᠵᠣ | ᠠᠬᠤᠶᠢᠯᠠᠯ ᠤᠳ ᠤᠨ ᠭᠤᠤᠯᠯᠠᠬᠤ ᠥᠢᠯᠡᠳᠥᠯ ᠢ ᠪᠠᠳᠠᠷᠠᠭᠤᠯᠵᠤ᠂ ᠨᠡᠶᠢᠳᠡ ᠶᠢᠨ ᠥᠮᠴᠢᠯᠡᠯ ᠤᠨ ᠪᠤᠰᠤ ᠠᠵᠤ | ᠠᠬᠤᠶᠢᠯᠠᠯ ᠤᠨ ᠡᠯ᠎ᠡ ᠬᠥᠷᠢᠶ᠎ᠡ ᠬᠡᠪᠴᠢᠶᠡᠨ ᠤ ᠪᠠᠶᠢᠭᠤᠯᠤᠯᠳᠠ ᠳᠤ ᠤᠷᠤᠯᠴᠠᠬᠤ ᠶᠢ ᠵᠤᠷᠢᠭᠵᠢᠭᠤᠯᠤᠨ᠂ ᠵᠠᠬ᠎ᠠ | ᠲᠡᠯᠭᠡᠭᠦᠷ ᠤᠨ ᠳᠤᠭᠳᠠᠴᠠ ᠶᠢ ᠬᠠᠮᠤᠭ ᠶᠡᠭᠡ ᠪᠠᠷ ᠪᠠᠳᠠᠷᠠᠭᠤᠯᠵᠤ ᠪᠥᠳᠥᠭᠡᠨ ᠪᠠᠶᠢᠭᠤᠯᠬᠤ ᠪᠡᠯᠡ ᠮᠥᠩᠭᠦ | ᠬᠤᠷᠠᠮᠳᠤᠭᠤᠯᠤᠨ᠂ ᠡᠷᠬᠢᠯᠳᠡ ᠰᠠᠶᠢᠳᠠᠢ ᠠᠮᠢᠳᠤᠯᠢᠭ ᠪᠥᠳᠥᠮᠵᠢᠳᠡᠢ ᠬᠦᠷᠦᠩᠭᠡ ᠶᠢᠨ ᠬᠦᠢᠯᠬᠡᠬᠡᠨ ᠤ ᠰᠢᠰᠲ᠋ᠧᠮ ᠢ | ᠴᠤᠭᠴᠠᠯᠠᠨ᠎ᠠ᠃ ᠨᠢᠭᠡ ᠳᠤ᠂ ᠣᠯᠵᠠᠴᠢ ᠪᠠᠯᠭᠠᠰᠦᠨ ᠠᠴᠠ ᠳ᠋ᠦᠩ ᠳ᠋ᠣᠣ ᠯᠢᠶᠠᠩ ᠬᠥᠷᠬᠦ ︵ᠥᠪᠤᠷ ᠮᠤᠩᠭᠤᠯ | ᠨᠢᠩᠰᠢᠶᠠ ᠶᠢᠨ ᠰᠠᠪᠠ︶ ᠲᠦᠷᠭᠡᠨ ᠵᠠᠮ ᠢ ᠡᠬᠢᠯᠡᠨ ᠪᠠᠶᠢᠭᠤᠯᠵᠤ᠂ ᠣᠯᠵᠠᠴᠢ ᠠᠴᠠ ᠲᠣᠯᠢ ᠬᠦᠷᠬᠦ ᠨᠢᠭᠡᠳᠦᠭᠡᠷ ᠲᠡᠰ | ᠤᠨ ᠵᠠᠰᠠᠮᠠᠯ ᠵᠠᠮ ᠢ ᠡᠬᠢᠯᠡᠭᠦᠯᠬᠦ ᠪᠠᠷ ᠴᠢᠷᠮᠠᠶᠢᠵᠣ᠂ ᠵᠡᠭᠦᠨᠰᠢ ᠪᠣᠣ ᠮᠣᠣ ᠲᠥᠷᠭᠡᠨ ᠵᠠᠮ᠂ ᠪᠠᠷᠠᠭᠤᠨᠰᠢ ᠵᠢᠩ ᠽᠠᠩ | ᠲᠥᠷᠭᠡᠨ ᠵᠠᠮ᠂ ᠡᠮᠦᠨᠡᠰᠢ ᠶᠢᠨ ᠴᠢᠩ ᠲᠥᠷᠭᠡᠨ ᠵᠠᠮ᠂ ᠬᠤᠶᠢᠰᠢ ᠷᠥᠩ ᠦ᠋ ᠲᠥᠷᠭᠡᠨ ᠵᠠᠮ ᠢ ᠬᠤᠯᠪᠤᠭᠰᠡᠨ | ᠦᠨᠳᠦᠷ ᠲᠡᠰ ᠤᠨ ᠵᠠᠰᠠᠮᠠᠯ ᠵᠠᠮ ᠤᠨ ᠲᠤᠤᠷᠵᠢᠯ ᠢ ᠪᠥᠳᠥᠭᠡᠵᠥ᠂ ᠦᠪᠦᠷ ᠮᠣᠩᠭᠤᠯ ᠤᠨ ᠪᠠᠷᠠᠭᠤᠨ ᠬᠡᠰᠡᠭ ᠤᠨ | ᠴᠢᠬᠤᠯᠠ ᠵᠠᠮ ᠬᠠᠷᠢᠯᠴᠠᠭᠠᠨ ᠤ ᠪᠠᠯᠴᠢᠷ ᠢ ᠪᠤᠢ ᠪᠤᠯᠭᠠᠨ᠎ᠠ᠃ ᠲᠣᠯᠢ ᠠᠴᠠ ᠱᠠᠩᠬᠠᠢ ᠶᠢᠨ ᠰᠦᠮ᠎ᠡ ᠬᠦᠷᠬᠦ ᠲᠡᠮᠦᠷ | ᠵᠠᠮ ᠪᠣᠯᠣᠨ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠢ ᠡᠬᠢᠯᠡᠭᠦᠯᠥᠨ ᠪᠠᠶᠢᠭᠤᠯᠵᠤ᠂ ᠣᠯᠵᠠᠴᠢ ᠠᠴᠠ | ᠪᠣᠷᠣᠪᠠᠯᠭᠠᠰᠦ ᠬᠦᠷᠬᠦ ᠨᠢᠭᠡᠳᠦᠭᠡᠷ ᠲᠠᠰ ᠤᠨ ᠵᠠᠰᠠᠮᠠᠯ ᠵᠠᠮ ᠤᠨ ᠲᠥᠯᠥᠪᠯᠡᠯᠳᠡ ᠶᠢ ᠡᠬᠢᠯᠡᠬᠦᠯᠵᠤ᠂ ᠣᠯᠵᠠᠴᠢ ᠠᠴᠠ | ᠠᠷᠯᠠᠢ᠂ ᠮᠤᠭᠠᠶᠢᠳᠤ ᠬᠦᠷᠬᠦ ᠵᠡᠷᠬᠡ 5 ᠵᠣᠷᠪᠣᠰ ᠬᠤᠰᠢᠭᠤᠨ ᠲᠣᠳᠣᠷᠠᠬᠢ ᠠᠶᠠᠨᠴᠢᠨ ᠤ ᠲᠡᠭᠡᠭᠡᠪᠦᠷᠢ ᠶᠢᠨ ᠱᠣᠭᠤᠮ | ᠢ ᠨᠡᠪᠳᠡᠷᠡᠭᠦᠯᠦᠨ᠎ᠡ᠃ ᠬᠤᠶᠡᠷ ᠲᠤ᠂ ᠬᠥᠷᠢᠶᠡᠯᠠᠩ ᠳᠤᠭᠤᠷᠢᠭ ᠤᠨ ᠰᠠᠭᠤᠷᠢ ᠲᠥᠭᠦᠭᠡᠷᠤᠮᠵᠢ ᠶᠢᠨ ᠪᠠᠶᠢᠭᠤᠯᠤᠯᠲᠠ | ᠶᠢ ᠲᠦᠷᠭᠡᠳᠬᠡᠵᠤ᠂ ᠱᠠᠩᠬᠠᠢ ᠶᠢᠨ ᠰᠦᠮ᠎ᠡ ᠪᠠᠯᠭᠠᠰᠤᠨ ᠲᠤᠭᠤᠷᠢᠭ ᠬᠢᠬᠡᠤᠨ ᠡᠯ᠎ᠡ ᠠᠭᠤᠷᠬᠠᠢ ᠶᠢᠨ ᠲᠤᠭᠤᠷᠢᠭ | ᠵᠢᠴᠢ ᠠᠭᠤᠷᠬᠠᠢ ᠶᠢᠨ ᠣᠷᠣᠨ ᠨᠤᠭᠤᠳ ᠤᠨ ᠬᠤᠭᠤᠷᠤᠨᠳᠤᠬᠢ ᠵᠠᠮ ᠪᠤᠯᠤᠨ 21 ᠺᠢᠯᠦᠮᠧᠲᠷ ᠤᠨ ᠬᠦᠨᠳᠦ | ᠲᠠᠭᠠᠭᠠᠴᠠᠳᠤ ᠵᠠᠰᠠᠮᠠᠯ ᠵᠠᠮ ᠰᠢᠨ᠎ᠡ ᠲᠡᠪᠢᠰᠥᠨᠡ᠃ ᠣᠯᠵᠠᠴᠢ ᠪᠠᠯᠭᠠᠰᠦᠨ ᠤ ᠶᠡᠷᠥᠩᠭᠡᠶᠢᠯᠡᠭᠰᠡᠨ ᠭᠥᠷᠢᠶᠡᠯᠠᠩ ᠤᠨ | 12.3 ᠺᠢᠯᠦᠮᠧᠲᠷ ᠤᠨ ᠵᠠᠰᠠᠮᠠᠯ ᠵᠠᠮ ᠵᠠᠰᠠᠵᠤ᠂ 16 ᠺᠢᠯᠦᠮᠧᠲᠷ ᠤᠨ 110 ᠺᠢᠯᠦᠸᠣᠯᠲ ᠤᠨ ᠴᠠᠬᠢᠯᠭᠠᠨ | ᠲᠠᠳᠠᠵᠤ᠂ ᠲᠦᠷᠦᠯ ᠵᠣᠶᠢᠯ ᠤᠨ ᠤᠷᠤᠨᠵᠢᠯ ᠤᠨ ᠤᠷᠴᠢᠨ ᠢ ᠪᠦᠬᠦ ᠲᠠᠯ᠎ᠠ ᠪᠠᠷ ᠰᠢᠯᠢᠳᠡᠭᠵᠢᠬᠦᠯᠤᠨ᠎ᠠ᠃ ᠭᠤᠷᠪᠠ ᠳᠤ | ᠂ ᠬᠤᠩ ᠴᠢ ᠶᠢᠨ 220 ᠺᠢᠯᠦᠸᠣᠯᠲ ᠤᠨ ᠴᠠᠬᠢᠯᠭᠠᠨ ᠬᠤᠪᠢᠰᠬᠠᠬᠤ ᠥᠷᠳᠡᠭᠡᠨ ᠤ ᠪᠠᠭᠳᠠᠭᠠᠮᠵᠢ ᠨᠡᠮᠡᠭᠳᠡᠭᠦᠯᠬᠦ | ᠢᠨᠵᠧᠨᠧᠷᠢᠩ ᠢ ᠲᠠᠭᠤᠰᠬᠠᠵᠣ᠂ ᠭᠡᠷᠡᠮ ᠤᠨ ᠭᠤᠤᠯ ᠤᠨ 110 ᠺᠢᠯᠦᠸᠣᠯᠲ ᠤᠨ ᠴᠠᠬᠢᠯᠭᠠᠨ ᠬᠤᠪᠢᠰᠬᠠᠬᠤ | ᠦᠷᠳᠡᠭᠡ᠂ 75 ᠺᠢᠯᠦᠮᠧᠲᠷ 110 ᠺᠢᠯᠦᠸᠣᠯᠲ ᠤᠨ ᠴᠠᠬᠢᠯᠭᠠᠨ ᠬᠤᠪᠢᠰᠬᠠᠨ ᠲᠠᠮᠵᠢᠭᠤᠯᠬᠤ ᠱᠤᠭᠤᠮ ᠢ ᠰᠢᠨ᠎ᠡ | ᠪᠠᠷ ᠪᠠᠶᠢᠭᠤᠯᠣᠨ᠎ᠠ᠃ | ᠠᠮᠢ ᠠᠬᠤᠢ ᠶᠢᠨ ᠪᠣᠯᠪᠠᠰᠦᠨ ᠤ ᠪᠠᠶᠢᠭᠤᠯᠣᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠲᠤᠭᠳᠠᠯᠴᠠᠭ᠎ᠠ | ᠶᠢᠨ ᠲᠤᠤᠷᠠᠳᠤ ᠲᠥᠪᠰᠢᠨ ᠢ ᠭᠥᠢᠴᠡᠳ ᠰᠠᠬᠢᠵᠤ᠂ ᠪᠡᠯᠴᠢᠭᠡᠷᠯᠡᠬᠦᠯᠬᠦ ᠶᠢ ᠬᠤᠷᠢᠭᠯᠠᠬᠤ᠂ ᠰᠡᠯᠭᠦᠨ ᠮᠠᠯᠵᠢᠬᠤ᠂ | ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠤᠯᠤᠭᠠᠢ ᠳᠤᠭᠳᠠᠭᠠᠬᠤ ᠲᠥᠷᠥ ᠶᠢᠨ ᠪᠤᠳᠤᠯᠭ᠎ᠠ ᠶᠢ ᠴᠢᠩᠭ᠎ᠠ | ᠬᠡᠷᠡᠭᠵᠢᠭᠦᠯᠥᠨ᠂ ᠤᠢ ᠮᠤᠳᠤᠨ ᠤ ᠬᠠᠮᠢᠶᠠᠷᠤᠯᠲᠠ ᠪᠠ ᠤᠢ ᠰᠢᠭᠤᠢ ᠨᠤᠳᠤᠭ ᠪᠡᠯᠴᠢᠭᠡᠷ ᠤᠨ ᠲᠥᠢᠮᠡᠷ | ᠰᠡᠷᠭᠡᠶᠢᠯᠡᠯᠲᠡ ᠶᠢᠨ ᠠᠵᠢᠯ ᠢ ᠴᠢᠩᠭᠠᠳᠬᠠᠵᠤ᠂ ᠠᠮᠢ ᠠᠬᠤᠢ ᠶᠢᠨ ᠪᠠᠶᠢᠭᠤᠯᠤᠯᠲᠠ ᠶᠢᠨ ᠥᠷ᠎ᠡ ᠪᠥᠳᠥᠭᠡᠯ ᠢ | ᠪᠠᠬᠢᠵᠢᠭᠦᠯᠤᠨ᠂ ᠠᠮᠢ ᠠᠬᠤᠢ ᠶᠢᠨ ᠥᠷᠭᠦᠯᠵᠢᠭᠦᠶᠢᠴᠡ ᠭᠥᠭᠵᠢᠯᠳᠡ ᠶᠢ ᠠᠬᠢᠭᠤᠯᠤᠨ᠎ᠠ᠃ ᠪᠡᠬᠡᠵᠢᠩ ᠲᠢᠶᠠᠨᠵᠢᠨ ᠤ | ᠰᠠᠯᠬᠢ ᠰᠢᠷᠤᠢ ᠶᠢᠨ ᠡᠬᠢ ᠶᠢ ᠵᠠᠰᠠᠬᠤ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠠᠵᠢᠯ ᠪᠤᠯᠤᠨ ᠭᠥᠷᠥᠰᠥ | ᠰᠢᠷᠤᠢ ᠶᠢᠨ ᠬᠠᠮᠠᠭᠠᠯᠠᠯᠲᠠ ᠵᠡᠷᠭᠡ ᠴᠢᠬᠤᠯᠠ ᠲᠥᠷᠥᠯ ᠵᠥᠢᠯ ᠢ ᠰᠠᠶᠢᠳᠤᠷ ᠬᠡᠷᠡᠭᠵᠢᠭᠦᠯᠵᠤ᠂ ᠭᠤᠤᠯᠳᠠᠯᠭᠠᠳᠤ ᠤᠷᠤᠨ | ᠪᠥᠰᠡ ᠶᠢᠨ ᠴᠡᠴᠡᠷᠯᠢᠭᠵᠢᠭᠦᠯᠭᠡ ᠶᠢ ᠲᠥᠷᠭᠡᠳᠬᠡᠨ᠂ 10 ᠲᠥᠮᠡᠨ ᠮᠤ᠋ ᠤᠶᠢᠵᠢᠭᠤᠯᠤᠯᠳᠠ ᠬᠢᠵᠥ᠂ 10 ᠲᠥᠮᠡᠨ | ᠮᠤ᠋ ᠪᠡᠯᠴᠢᠭᠡᠷ ᠢ ᠰᠤᠯᠠᠳᠬᠠᠨ ᠡᠪᠡᠰᠤ ᠲᠠᠷᠢᠵᠤ᠂ 5 ᠲᠥᠮᠡᠨ ᠮᠤ᠋ ᠭᠥᠷᠥᠰᠤ ᠰᠢᠷᠥᠢ ᠶᠢᠨ ᠬᠠᠮᠠᠭᠠᠯᠠᠯᠳᠠ ᠬᠢᠨ᠎ᠡ᠃ | ᠠᠮᠢ ᠠᠬᠤᠢ ᠶᠢᠨ ᠰᠡᠷᠭᠦᠯᠳᠡ ᠶᠢᠨ ᠤᠷᠤᠨ ᠤ ᠨᠤᠳᠤᠭ ᠪᠡᠯᠴᠢᠭᠡᠷ ᠤᠨ ᠳᠠᠬᠢᠨ ᠠᠰᠢᠭᠯᠠᠯᠳᠠ ᠶᠢᠨ ᠲᠥᠷᠥ ᠶᠢᠨ | ᠪᠤᠳᠤᠯᠭ᠎ᠠ ᠶᠢ ᠰᠥᠪᠡᠭᠴᠢᠯᠡᠨ ᠭᠡᠷᠡᠭᠵᠢᠭᠦᠯᠥᠨ᠎ᠡ᠃ ᠤᠰᠤᠨ ᠡᠬᠢ ᠰᠤᠷᠪᠥᠯᠵᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠤᠰᠤᠨ ᠡᠬᠢ ᠰᠤᠷᠪᠤᠯᠵᠢ ᠪᠠᠷ ᠨᠡᠭᠡᠭᠡᠯᠳᠡ ᠬᠢᠭᠦ ᠤᠷᠤᠨ ᠲᠤᠭᠳᠠᠭᠠᠬᠤ ᠲᠥᠷᠥ ᠶᠢᠨ ᠪᠤᠳᠤᠯᠭ᠎ᠠ | ᠶᠢ ᠭᠤᠶᠢᠪᠢᠰᠢ ᠦᠭᠡᠢ ᠪᠠᠷᠢᠮᠳᠠᠯᠠᠨ᠂ ᠨᠤᠳᠤᠭ ᠪᠡᠯᠴᠢᠭᠡᠷ ᠤᠨ ᠬᠠᠤᠯᠢ ᠭᠡᠷᠡᠭᠵᠢᠭᠦᠯᠥᠯᠳᠡ ᠶᠢ ᠡᠷᠴᠢᠮᠵᠢᠭᠦᠯᠵᠥ᠂ | ᠰᠢᠨ᠎ᠡ ᠪᠠᠷ ᠠᠳᠠᠷ ᠬᠠᠭᠠᠯᠪᠤᠷᠢᠯᠠᠬᠤ ᠶᠢ ᠡᠷᠡᠰ ᠴᠠᠭᠠᠵᠠᠯᠠᠨ᠎ᠠ︔ ᠶᠡᠭᠡ ᠳᠤᠬᠤᠢ᠂ ᠭᠡᠷᠡᠮ ᠤᠨ ᠭᠤᠤᠯ ᠤᠨ ᠤᠰᠤᠨ | ᠴᠥᠭᠦᠷᠥᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠠᠰᠠᠵᠤ᠂ 600 ᠲᠥᠮᠡᠨ ᠪᠤᠰᠤᠭ᠎ᠠ ᠲᠥᠷᠪᠡᠯᠵᠢᠨ ᠮᠧᠲᠷ | ᠤᠨ ᠠᠵᠤ ᠥᠢᠯᠡᠳᠪᠥᠷᠢ ᠶᠢᠨ ᠤᠰᠤ ᠬᠡᠷᠡᠭᠯᠡᠬᠦ ᠵᠢᠭᠠᠯᠳᠠ ᠨᠡᠮᠡᠨ ᠲᠤᠬᠢᠷᠠᠭᠤᠯᠵᠤ᠂ ᠴᠢᠬᠤᠯᠠ ᠲᠥᠷᠥᠯ ᠵᠥᠢᠯ ᠤᠨ | ᠤᠷᠤᠨᠵᠢᠯᠳᠡ ᠳᠤ ᠨᠥᠭᠦᠴᠡᠯ ᠡᠭᠦᠳᠥᠨ᠎ᠡ᠃ ᠠᠭᠠᠷ ᠮᠠᠨᠳᠠᠯ ᠤᠨ ᠪᠤᠬᠢᠷᠳᠥᠯ ᠢ ᠰᠡᠷᠭᠡᠶᠢᠯᠡᠨ ᠵᠠᠰᠠᠬᠤ ᠪᠠ ᠭᠤᠤᠯ | ᠪᠤᠬᠢᠷᠳᠤᠯ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠢᠯᠠᠭᠤᠨ | ᠳᠤᠰᠤ ᠰᠢᠳᠠᠮᠠᠠᠬᠠᠢ ᠬᠡᠢ ᠶᠢ ᠨᠡᠭᠡᠭᠡᠨ ᠠᠰᠢᠭᠯᠠᠬᠤ ᠶᠠᠪᠤᠴᠠ ᠳᠤ ᠬᠢ ᠠᠮᠢ ᠠᠬᠤᠢ ᠶᠢᠨ ᠬᠢᠨᠠᠯᠳᠠ ᠬᠠᠮᠢᠶᠠᠷᠤᠯᠲᠠ ᠶᠢ | ᠴᠢᠩᠭᠠᠳᠬᠠᠨ᠂ ᠱᠠᠩᠬᠠᠢ ᠶᠢᠨ ᠰᠥᠮ᠎ᠡ ᠭᠥᠷᠢᠶᠡᠯᠠᠩ ᠲᠤᠭᠤᠷᠢᠭ ᠤᠨ ᠨᠡᠭᠦᠷᠡᠰᠥᠨ ᠴᠢᠯᠠᠭᠤ᠂ ᠲᠤᠭᠤᠰᠤ ᠲᠤᠷᠳᠤᠭ᠂ | ᠨᠡᠭᠦᠷᠡᠰᠥᠨ ᠲᠠᠪᠬᠤᠷᠭ᠎ᠠ ᠶᠢᠨ ᠤᠰᠤ᠂ ᠪᠤᠵᠠᠷ ᠤᠰᠤ ᠵᠡᠷᠭᠡ ᠶᠢ ᠰᠢᠢᠳᠪᠥᠷᠢᠯᠡᠭᠦ ᠲᠦᠯᠤᠪᠵᠢᠬᠦᠯᠬᠡ ᠲᠤᠭᠳᠠᠭᠠᠨ᠂ | ᠠᠵᠤ ᠥᠢᠯᠡᠳᠪᠥᠷᠢ ᠶᠢᠨ ᠪᠤᠵᠠᠷ ᠤᠰᠤ ᠰᠢᠢᠳᠪᠥᠷᠢᠯᠡᠬᠦ ᠥᠢᠯᠡᠳᠪᠥᠷᠢ ᠪᠤᠯᠤᠨ ᠨᠡᠭᠦᠷᠡᠰᠥᠨ ᠴᠢᠯᠠᠭᠤ ᠶᠢ | ᠲᠥᠪᠯᠡᠷᠡᠭᠦᠯᠥᠨ ᠬᠠᠳᠠᠭᠠᠯᠠᠬᠤ ᠭᠠᠵᠠᠷ ᠢ ᠵᠢᠯ ᠲᠤᠳᠤᠷ᠎ᠠ ᠡᠬᠢᠯᠡᠵᠥ ᠪᠠᠶᠢᠭᠤᠯᠤᠨ᠎ᠠ᠃ ᠱᠠᠩᠬᠠᠢ ᠶᠢᠨ ᠰᠥᠮ᠎ᠡ | ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠤ ᠶᠡᠷᠥᠩᠬᠡᠶᠢᠯᠡᠭᠰᠡᠨ ᠵᠠᠰᠠᠯᠲᠠ ᠶᠢ ᠡᠷᠴᠢᠮᠵᠢᠭᠦᠯᠵᠥ᠂ ᠠᠮᠢ | ᠠᠬᠤᠶᠢᠴᠢ ᠡᠶ᠎ᠡ ᠨᠠᠶᠢᠷᠠᠮᠳᠠᠭᠤ ᠠᠭᠤᠷᠬᠠᠢ ᠶᠢᠨ ᠤᠷᠤᠨ ᠢ ᠴᠤᠭᠴᠠᠯᠠᠨ᠎ᠠ᠃ | ︵ ᠭᠤᠷᠪᠠ︶ ᠠᠷᠠᠳ ᠤᠯᠠᠨ ᠳᠤ ᠭᠥᠷᠳᠡᠭᠡᠭᠦ ᠲᠥᠭᠡᠮᠡᠯ ᠬᠠᠷᠠᠭᠠᠯᠵᠠᠯ ᠢ ᠥᠷᠭᠡᠳᠭᠡᠨ᠎ᠡ᠃ ᠵᠠᠮ ᠨᠡᠪᠳᠡᠷᠡᠯᠭᠡ | ᠂ ᠨᠡᠶᠢᠬᠡᠮ ᠤᠨ ᠪᠠᠳᠤᠯᠭ᠎ᠠ᠂ ᠠᠷᠠᠳ ᠤᠨ ᠤᠷᠤᠨ ᠰᠠᠭᠤᠴᠠ᠂ ᠴᠠᠬᠢᠯᠭᠠᠨ ᠭᠥᠴᠥᠨ ᠤ ᠪᠠᠭᠳᠠᠭᠠᠮᠵᠢ ᠴᠢᠳᠠᠯ ᠢ | ᠨᠡᠮᠡᠭᠳᠡᠬᠦᠯᠬᠦ ᠵᠡᠷᠭᠡ ᠢᠨᠵᠧᠨᠧᠷᠢᠩ ᠢ ᠬᠢᠨᠠᠮᠠᠭᠠᠢ ᠭᠡᠷᠡᠭᠵᠢᠭᠦᠯᠵᠥ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ | ᠥᠷ᠎ᠡ ᠪᠥᠳᠥᠭᠡᠯ ᠢ ᠪᠥᠬᠦ ᠲᠠᠯ᠎ᠠ ᠪᠠᠷ ᠥᠷᠭᠡᠳᠬᠡᠨ᠂ ᠨᠡᠶᠢᠬᠡᠮ ᠤᠨ ᠥᠢᠯᠡᠰ ᠤᠨ ᠬᠥᠭᠵᠢᠯᠲᠡ ᠶᠢ ᠨᠢᠭᠡᠳᠥᠯᠲᠡᠢ | ᠲᠥᠯᠥᠪᠵᠢᠭᠦᠯᠥᠨ᠂ ᠠᠷᠠᠳ ᠤᠯᠠᠨ ᠤ ᠵᠤᠯ ᠵᠢᠷᠭᠠᠯ ᠢ ᠨᠡᠮᠡᠭᠳᠡᠭᠦᠯᠥᠨ᠎ᠡ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠥᠴᠥᠯᠡᠴᠡ ᠪᠠᠨ ᠥᠷᠭᠦᠯᠵᠢᠯᠡᠨ ᠨᠡᠮᠡᠭᠳᠡᠭᠦᠯᠥᠨ᠎ᠡ᠃ ᠥᠨᠥ ᠵᠢᠯ ᠤᠨ | ᠠᠷᠠᠳ ᠤᠨ ᠠᠮᠢᠳᠤᠷᠠᠯ ᠤᠨ ᠠᠵᠢᠯ ᠳᠤ《 ᠭᠠᠴᠢᠭᠳᠠᠯ ᠢ ᠳᠤᠰᠠᠯᠠᠬᠤ 》 ᠶᠢ ᠪᠠᠷᠢᠮᠳᠠᠯᠠᠨ᠂ ᠪᠠᠭᠤᠷᠠᠶᠢᠴᠤᠤᠯ ᠪᠠ | ᠮᠠᠯᠵᠢᠬᠤ ᠲᠠᠷᠢᠶᠠᠯᠠᠬᠤ ᠤᠷᠤᠨ ᠢ ᠭᠤᠤᠯᠳᠠᠯᠭᠠᠳᠠᠢ ᠲᠡᠮᠵᠢᠵᠤ᠂ ᠠᠷᠠᠳ ᠲᠤ ᠠᠰᠢᠭ ᠬᠥᠷᠳᠡᠭᠡᠬᠦ ᠶᠢᠰᠥᠨ ᠪᠤᠳᠠᠳᠤ | ᠠᠵᠢᠯᠯᠠᠭ᠎ᠠ ᠶᠢ ᠪᠡᠶᠡᠯᠡᠭᠦᠯᠥᠨ᠎ᠡ᠃ ᠨᠢᠭᠡ ᠳᠤ᠂ 90 ᠺᠢᠯᠤᠮᠧᠲᠷ ᠬᠦᠳᠡᠭᠡ ᠳᠤᠰᠬᠤᠨ ᠤ ᠵᠠᠰᠠᠮᠠᠯ ᠵᠠᠮ ᠵᠠᠰᠠᠵᠤ᠂ | ᠮᠠᠯᠴᠢᠳ ᠲᠠᠷᠢᠶᠠᠴᠢᠳ ᠤᠨ ᠭᠠᠳᠠᠭᠰᠢ ᠳᠤᠳᠤᠭᠰᠢ ᠶᠠᠪᠤᠬᠤ ᠪᠠ ᠮᠠᠯ ᠲᠠᠷᠢᠶᠠᠯᠠᠩ ᠤᠨ ᠪᠥᠲᠥᠭᠡᠭᠳᠡᠬᠦᠨ | ᠪᠤᠷᠤᠯᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠡᠢᠳᠪᠤᠷᠢᠯᠠᠨᠠ᠃᠂ ᠳᠠᠬᠢᠯᠳᠤ ᠶᠢᠨ ᠮᠠᠯ ᠲᠠᠷᠢᠶᠠᠯᠠᠩ ᠤᠨ | ᠵᠠᠬ᠎ᠠ ᠶᠢᠨ ᠲᠤᠭᠤᠷᠢᠯ ᠵᠠᠮ ᠢ ᠨᠡᠪᠲᠡᠷᠡᠭᠦᠯᠵᠤ᠂ ᠵᠠᠬ᠎ᠠ ᠳᠡᠯᠭᠡᠭᠦᠷ ᠤᠨ ᠵᠠᠮ ᠨᠡᠪᠳᠡᠷᠯᠡᠭᠡ ᠶᠢ ᠰᠢᠯᠢᠳᠡᠭᠵᠢᠭᠦᠯᠥᠨ᠎ᠡ᠃ | ᠬᠤᠶᠠᠷ ᠲᠤ᠂ 1 ᠰᠠᠭᠤᠷᠢ 35 ᠺᠢᠯᠦᠸᠣᠯᠲ ᠤᠨ ᠴᠠᠬᠢᠯᠭᠠᠨ ᠬᠤᠪᠢᠰᠬᠠᠬᠤ ᠥᠷᠳᠡᠭᠡ ᠶᠢ ᠰᠢᠨ᠎ᠡ ᠪᠠᠶᠢᠭᠤᠯᠤᠨ᠂ | 445 ᠺᠢᠯᠦᠮᠧᠲᠷ ᠴᠠᠬᠢᠯᠭᠠᠨ ᠱᠤᠭᠤᠮ ᠨᠡᠮᠡᠵᠤ᠂ ᠤᠳᠤ ᠥᠶ᠎ᠡ ᠶᠢᠨ ᠮᠠᠯ ᠲᠠᠷᠢᠶᠠᠯᠠᠩ ᠤᠨ ᠭᠥᠭᠵᠢᠭᠦᠯᠥᠯᠳᠡ ᠶᠢᠨ | ᠤᠷᠤᠨ ᠤ ᠴᠠᠬᠢᠯᠭᠠᠨ ᠪᠠᠭᠳᠠᠭᠠᠮᠵᠢ ᠶᠢᠨ ᠠᠰᠠᠭᠤᠳᠠᠯ ᠢ ᠰᠢᠢᠳᠪᠥᠷᠢᠯᠡᠨ᠎ᠡ᠃ ᠭᠤᠷᠪᠠ ᠳᠤ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠤᠨᠴᠠ ᠶᠡᠭᠡ ᠡᠪᠡᠳᠴᠢᠨ ᠤ ᠡᠮᠴᠢᠯᠡᠬᠡᠨ ᠠᠴᠠ ᠡᠮᠤᠨᠡᠬᠢ ᠠᠪᠤᠷᠠᠨ ᠳᠤᠰᠠᠯᠠᠯᠳᠠ ᠶᠢᠨ | ᠰᠠᠭᠤᠷᠢ ᠮᠥᠩᠭᠦ ᠶᠢ ᠪᠠᠶᠢᠭᠤᠯᠵᠤ᠂ ᠬᠤᠲᠠ ᠬᠦᠳᠡᠭᠡ ᠶᠢᠨ ᠭᠥᠴᠢᠷᠳᠡᠯᠲᠡᠢ ᠰᠠᠭᠤᠭᠠᠯᠢ ᠠᠷᠠᠳ ᠤᠨ ᠴᠠᠭ ᠲᠤᠬᠠᠢ | ᠳᠤᠨᠢ ᠡᠮᠴᠢᠯᠡᠭᠦᠯᠭᠦ ᠶᠢ ᠪᠠᠳᠤᠯᠠᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠨᠴᠠ ᠶᠡᠭᠡ ᠡᠪᠡᠳᠴᠢᠨ | ᠤ ᠠᠪᠤᠷᠠᠨ ᠲᠤᠰᠠᠯᠠᠯᠳᠠ ᠪᠠ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠤᠳᠠᠯᠳᠤᠭᠠᠨ ᠤ ᠨᠥᠭᠦᠪᠥᠷᠢ | ᠡᠮᠨᠡᠯᠭᠡ ᠶᠢᠨ ᠳᠠᠭᠠᠳᠬᠠᠯ ᠤᠨ ᠳᠥᠷᠢᠮ ᠲᠤᠭᠳᠠᠭᠠᠵᠤ᠂ ᠬᠤᠲᠠ ᠬᠦᠳᠡᠭᠡ ᠶᠢᠨ ᠭᠥᠴᠢᠷᠳᠡᠯᠲᠡᠢ ᠡᠳᠡᠭᠡᠳ ᠤᠨ | ᠡᠪᠡᠳᠴᠢᠨ ᠢᠶᠠᠷ ᠶᠠᠳᠠᠭᠤᠷᠠᠬᠤ ᠠᠰᠠᠭᠤᠳᠠᠯ ᠢ ᠰᠢᠢᠳᠪᠥᠷᠢᠯᠡᠨ᠎ᠡ᠃ ᠲᠥᠷᠪᠡ ᠳᠤ᠂ 3 ᠰᠠᠭᠤᠷᠢ ᠬᠡᠤᠬᠡᠳ ᠤᠨ | ᠴᠡᠴᠡᠷᠯᠢᠭ ᠢ ᠠᠰᠢᠭᠯᠠᠯᠳᠠ ᠳᠤ ᠤᠷᠤᠭᠤᠯᠵᠤ᠂ ᠬᠡᠤᠬᠡᠳ ᠤᠨ《 ᠴᠡᠴᠡᠷᠯᠢᠭ ᠳᠤ ᠤᠷᠤᠵᠤ ᠳᠡᠶᠢᠯᠬᠦ ᠦᠭᠡᠢ | 》ᠠᠰᠠᠭᠤᠳᠠᠯ ᠢ ᠰᠢᠢᠳᠪᠥᠷᠢᠯᠡᠨ᠎ᠡ᠃ ᠲᠠᠪᠤ ᠳᠤ᠂ ᠮᠠᠯᠵᠢᠬᠤ ᠲᠠᠷᠢᠶᠠᠯᠠᠬᠤ ᠤᠷᠤᠨ ᠤ 500 ᠡᠷᠤᠬᠡ ᠶᠢᠨ ᠨᠤᠷᠠᠮᠠᠷ | ᠭᠡᠷ ᠪᠠᠶᠢᠰᠢᠩ ᠢ ᠰᠢᠨᠡᠳᠭᠡᠨ᠎ᠡ︔ ᠨᠠᠶᠢᠲᠡ ᠶᠢᠨ ᠲᠦᠷᠢᠶᠡᠰᠤᠨ ᠰᠠᠭᠤᠴᠠ 1170 ᠳᠥᠬᠦᠷ ᠰᠢᠨ᠎ᠡ ᠨᠡᠮᠡᠵᠥ ᠪᠠᠷᠢᠨ᠂ | ᠥᠢᠯᠡᠰ ᠪᠤᠰᠬᠠᠭᠰᠠᠨ ᠮᠠᠯᠴᠢᠨ ᠲᠠᠷᠢᠶᠠᠴᠢᠳ᠂ ᠠᠭᠤᠷᠬᠠᠢ ᠶᠢᠨ ᠠᠵᠢᠯᠲᠠᠨ ᠪᠠ ᠰᠢᠯᠢᠳᠡᠭ ᠪᠠᠭᠰᠢ ᠨᠠᠷ ᠲᠤ | ᠲᠥᠷᠥᠭᠦᠨ ᠳᠤ ᠬᠠᠩᠭᠠᠨ᠎ᠠ᠃ ᠵᠢᠷᠭᠤᠭ᠎ᠠ ᠳᠤ᠂ ᠬᠤᠲᠠ ᠭᠥᠳᠡᠭᠡ ᠶᠢᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ | ᠬᠥᠮᠥᠨ ᠪᠥᠷᠢ ᠰᠠᠷ᠎ᠠ ᠲᠤᠳᠤᠮ 480 ᠲᠥᠭᠦᠷᠢᠭ ᠪᠠ 390 ᠲᠥᠭᠦᠷᠢᠭ ᠪᠠᠶᠢᠭᠰᠠᠨ ᠠᠴᠠ ᠳᠡᠭᠡᠭᠰᠢᠯᠡᠭᠦᠯᠥᠭᠡᠳ | 495 ᠲᠥᠭᠦᠷᠢᠭ ᠪᠠ 402 ᠲᠥᠭᠦᠷᠢᠭ ᠪᠤᠯᠭᠠᠨ᠎ᠠ᠃ ᠳᠤᠯᠤᠭ᠎ᠠ ᠳᠤ᠂ ᠮᠠᠬᠠᠨᠪᠤᠳ ᠤᠨ ᠭᠤᠷᠪᠠᠳᠤᠭᠠᠷ ᠲᠡᠰ ᠤᠨ | ᠵᠡᠮᠳᠡᠭᠴᠥᠳ ᠲᠤ ᠬᠥᠮᠥᠨ ᠪᠥᠷᠢ ᠵᠢᠯ ᠳᠤ 2000 ᠲᠥᠭᠦᠷᠢᠭ ᠤᠨ ᠨᠥᠭᠦᠪᠥᠷᠢ ᠮᠥᠩᠭᠦ ᠤᠯᠭᠤᠨ᠎ᠠ︔ 60 | ᠪᠥᠭᠦᠯᠢ ᠨᠠᠰᠤ ᠬᠥᠷᠥᠭᠰᠡᠨ ᠬᠤᠳᠠ ᠭᠥᠳᠡᠭᠡ ᠶᠢᠨ ᠲᠤᠤᠷ᠎ᠠ ᠪᠠᠳᠤᠯᠠᠭᠠᠳᠤ ᠡᠷᠥᠬᠡ᠂《 ᠭᠤᠷᠪᠠ ᠦᠭᠡᠢ ᠭᠥᠮᠥᠰ | 》᠂ ᠤᠨᠴᠠᠯᠠᠨ ᠬᠠᠷᠠᠭᠠᠯᠵᠠᠬᠤ ᠡᠳᠡᠬᠡᠳ ᠵᠡᠷᠭᠡ ᠭᠤᠤᠯᠳᠠᠯᠭᠠᠳᠠᠢ ᠪᠠᠳᠤᠯᠠᠬᠤ ᠡᠳᠡᠭᠡᠳ ᠲᠤ ᠬᠥᠮᠥᠨ ᠲᠤᠳᠤᠮ ᠰᠠᠷ᠎ᠠ | ᠪᠥᠷᠢ 300 ᠲᠥᠭᠦᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠨᠥᠭᠦᠪᠥᠷᠢ ᠪᠠ ᠬᠥᠮᠥᠨ ᠲᠤᠳᠤᠮ ᠵᠢᠯ ᠪᠥᠷᠢ | 600 ᠲᠥᠭᠦᠷᠢᠭ ᠤᠨ ᠭᠡᠷ ᠲᠡᠭᠡᠨ ᠰᠠᠭᠤᠬᠤ ᠨᠠᠰᠤᠵᠢᠯ ᠤᠨ ᠨᠥᠭᠦᠪᠥᠷᠢ ᠤᠯᠭᠤᠨ᠎ᠠ᠃ ᠨᠠᠢᠮᠠ ᠳᠤ ᠂ ᠤᠯᠤᠰ | ᠪᠠ ᠥᠪᠡᠷᠳᠡᠭᠡᠨ ᠵᠠᠰᠠᠬᠤ ᠤᠷᠤᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥ ᠶᠢᠨ ᠪᠤᠳᠤᠯᠭ᠎ᠠ ᠶᠢ | ᠪᠤᠳᠠᠳᠠᠶᠢᠵᠢᠭᠤᠯᠤᠭᠰᠠᠠ ᠰᠠᠭᠤᠷᠢᠨ ᠳᠡᠭᠡᠷ᠎ᠡ᠂ ᠭᠠᠭᠴᠠᠬᠠᠨ ᠬᠡᠤᠬᠡᠳ ᠨᠢ ᠰᠢᠷᠬᠠᠳᠤᠵᠤ ᠵᠡᠮᠳᠡᠭ ᠪᠤᠯᠤᠭᠰᠠᠨ ᠪᠤᠶᠤ | ᠡᠷᠡᠰᠳᠡᠭᠰᠡᠨ ᠭᠡᠷ ᠪᠥᠯᠢ ᠶᠢ ᠬᠠᠷᠠᠭᠠᠯᠵᠠᠨ ᠳᠤᠰᠠᠯᠠᠬᠤ ᠪᠠᠷᠢᠮᠵᠢᠶ᠎ᠠ ᠶᠢ ᠬᠥᠮᠥᠨ ᠲᠤᠳᠤᠮ ᠰᠠᠷ᠎ᠠ ᠪᠥᠷᠢ 100 | ᠲᠥᠭᠦᠷᠢᠭ ᠥᠰᠭᠡᠭᠡᠨᠡ︔《 ᠬᠤᠶᠠᠷ ᠥᠮᠡᠨ 》 ᠳᠤ ᠨᠡᠷᠪᠡᠭᠳᠡᠭᠰᠡᠨ ᠶᠠᠳᠠᠭᠤ ᠭᠥᠴᠢᠷᠳᠡᠯᠲᠡᠢ ᠡᠮᠡᠭᠲᠡᠶᠢᠴᠥᠳ ᠲᠤ | 10000 ᠲᠥᠭᠦᠷᠢᠭ ᠤᠨ ᠠᠪᠤᠷᠠᠨ ᠳᠤᠰᠠᠯᠠᠬᠤ ᠮᠥᠩᠭᠦ ᠶᠢ ᠨᠢᠭᠡ ᠯᠠ ᠤᠳᠠᠭ᠎ᠠ ᠳᠤ ᠤᠯᠭᠤᠨ᠎ᠠ᠃ ᠶᠢᠰᠥ ᠳᠤ᠂ | ᠢᠳᠡᠭᠡᠨ ᠤ ᠴᠢᠨᠠᠷ ᠴᠢᠨᠰᠠᠭ᠎ᠠ ᠶᠢᠨ ᠠᠶᠥᠯᠭᠦᠢ ᠶᠢ ᠭᠡᠳᠡᠷᠭᠦ ᠨᠡᠬᠡᠮᠵᠢᠯᠡᠬᠦ ᠰᠢᠰᠲ᠋ᠧᠮ ᠢ ᠭᠡᠷᠡᠭᠵᠢᠭᠦᠯᠥᠨ᠂ ᠡᠯ᠎ᠡ | ᠰᠠᠯᠠᠭ᠎ᠠ ᠮᠥᠴᠢᠷ ᠤᠨ ᠡᠬᠢ ᠰᠤᠷᠪᠤᠯᠵᠢ ᠶᠢ ᠴᠡᠭᠴᠡᠵᠢᠭᠦᠯᠵᠥ᠂ ᠪᠦᠬᠦ ᠶᠠᠪᠤᠴᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠳᠠ ᠶᠢ ᠪᠡᠶᠡᠯᠡᠭᠦᠯᠥᠨ᠎ᠡ᠃ | ᠨᠡᠶᠢᠭᠡᠮ ᠤᠨ ᠥᠢᠯᠡᠰ ᠤᠨ ᠪᠥᠭᠦ ᠲᠠᠯ᠎ᠠ ᠶᠢᠨ ᠭᠥᠭᠵᠢᠯᠳᠡ ᠶᠢ ᠠᠬᠢᠭᠤᠯᠤᠨ᠎ᠠ᠃ ᠥᠢᠯᠡᠰ ᠪᠤᠰᠬᠠᠨ ᠠᠵᠢᠯ | ᠤᠯᠬᠤ ᠶᠢ ᠤᠨᠴᠠᠯᠠᠨ ᠴᠢᠬᠤᠯᠠᠴᠢᠯᠠᠵᠤ᠂ ᠪᠤᠯᠪᠠᠰᠤᠷᠠᠯ ᠤᠨ ᠡᠬᠢ ᠰᠤᠷᠪᠤᠯᠵᠢ ᠶᠢ ᠴᠡᠭᠴᠡᠵᠢᠭᠦᠯᠥᠨ ᠲᠥᠷᠥᠯ | ᠬᠤᠪᠢᠶᠠᠨ ᠠᠷᠭ᠎ᠠ ᠮᠠᠶ᠋ᠢᠭ ᠢ ᠨᠢ ᠰᠢᠨᠡᠳᠭᠡᠵᠥ᠂ ᠰᠢᠯᠵᠢᠭᠰᠡᠨ ᠮᠠᠯᠴᠢᠨ ᠲᠠᠷᠢᠶᠠᠴᠢᠳ ᠪᠤᠯᠤᠨ ᠭᠥᠴᠢᠷᠳᠡᠯ ᠲᠠᠢ | ᠤᠶᠤᠳᠠᠳ ᠤᠨ ᠠᠰᠭᠤᠳᠠᠯ ᠢ ᠭᠤᠤᠯᠳᠠᠯᠭᠠᠳᠠᠢ ᠰᠢᠢᠳᠪᠥᠷᠢᠯᠡᠨ ᠠᠵᠢᠯ ᠤᠯᠭᠤᠨ᠎ᠠ᠃ ᠰᠤᠷᠭᠠᠨ ᠭᠥᠮᠥᠵᠢᠯ ᠢ ᠡᠩ | ᠲᠡᠷᠢᠬᠦᠨ ᠳᠤ ᠬᠦᠭᠵᠢᠬᠦᠯᠵᠤ᠂ ᠰᠤᠷᠭᠠᠨ ᠭᠥᠮᠥᠵᠢᠯ ᠤᠨ ᠭᠥᠷᠢᠶᠡᠯᠠᠩ ᠤᠨ ᠡᠬᠢ ᠰᠤᠷᠪᠤᠯᠵᠢ ᠶᠢ ᠨᠢᠭᠡᠳᠥᠯᠳᠡᠢ | ᠲᠤᠬᠢᠷᠠᠭᠤᠯᠤᠨ᠂ ᠰᠤᠷᠭᠠᠭᠤᠯᠢ ᠨᠤᠭᠤᠳ ᠤᠨ ᠭᠡᠷ ᠪᠠᠷᠢᠯᠭ᠎ᠠ ᠶᠢ ᠪᠥᠭᠦ ᠲᠠᠯ᠎ᠠ ᠪᠠᠷ ᠲᠠᠭᠤᠰᠬᠠᠵᠤ ᠱᠠᠩᠬᠠᠢ ᠶᠢᠨ | ᠰᠥᠮ᠎ᠠ ᠰᠤᠷᠭᠠᠭᠤᠯᠢ ᠶᠢ ᠨᠡᠭᠡᠭᠡᠯᠲᠡ ᠶᠢᠨ ᠤᠷᠤᠨ ᠢᠶᠠᠷ ᠬᠠᠮᠢᠶᠠᠷᠠᠭᠤᠯᠤᠨ᠎ᠠ᠃ ᠡᠮ ᠡᠮᠴᠢᠯᠡᠭᠡ ᠡᠷᠡᠭᠦᠯ ᠬᠠᠮᠠᠭᠠᠯᠠᠯ | ᠤᠨ ᠥᠢᠯᠡᠰ ᠤᠨ ᠭᠥᠭᠵᠢᠯᠳᠡ ᠶᠢ ᠲᠥᠷᠭᠡᠳᠭᠡᠨ᠂ ᠬᠤᠰᠢᠭᠤ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠲᠡᠰ ᠤᠨ | ᠭᠥᠭᠡᠭᠴᠢᠨ ᠵᠡᠷᠭᠡ ᠶᠢᠨ ᠶᠡᠷᠥᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠯᠭᠠᠬᠤ ᠪᠠᠷ ᠴᠢᠷᠮᠠᠶᠢᠵᠤ᠂ ᠮᠤᠩᠭᠤᠯ ᠡᠮᠨᠡᠯᠭᠡ | ᠶᠢᠨ ᠬᠤᠷᠢᠶ᠎ᠠ ᠶᠢ ᠬᠤᠶᠠᠳᠤᠭᠠᠷ ᠲᠡᠰ ᠤᠨ ᠭᠥᠭᠡ ᠵᠡᠷᠭᠡ ᠶᠢᠨ ᠥᠨᠳᠤᠰᠤᠳᠡᠨ ᠤ ᠡᠮᠨᠡᠯᠭᠡ ᠶᠢᠨ ᠬᠤᠷᠢᠶ᠎ᠠ ᠪᠤᠯᠭᠠᠵᠤ | ᠂ ᠪᠤᠷᠤᠪᠠᠯᠭᠠᠰᠤ᠂ ᠲᠠᠬᠢᠯᠳᠤ ᠶᠢᠨ 2 ᠰᠠᠭᠤᠷᠢ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠭᠡᠷᠡᠴᠢᠯᠡᠨ ᠪᠠᠶᠢᠭᠤᠯᠤᠨ᠎ᠠ᠃ | ᠬᠤᠳᠠ ᠭᠥᠳᠡᠭᠡ ᠶᠢᠨ ᠨᠡᠶᠢᠳᠡ ᠶᠢᠨ ᠰᠤᠶᠤᠯ ᠤᠨ ᠰᠢᠰᠲ᠋ᠧᠮ ᠤᠨ ᠪᠠᠶᠢᠭᠤᠯᠤᠯᠳᠠ ᠶᠢ ᠴᠢᠭᠭᠠᠤᠨᠬᠠᠵᠤ᠂ ᠮᠠᠯᠵᠢᠬᠤ | ᠳᠠᠷᠢᠶᠠᠯᠠᠬᠤ ᠤᠷᠤᠨ ᠳᠤ ᠠᠩᠬᠠᠳᠤᠭᠠᠷ ᠬᠤᠭᠤᠴᠠᠭᠠᠨ ᠤ 5000 ᠡᠷᠤᠬᠡ ᠶᠢᠨ ᠭᠠᠵᠠᠷ ᠳᠡᠬᠡᠷᠡᠬᠢ ᠳᠤᠭᠠᠴᠢᠳᠤ | ᠲᠧᠯᠸᠢᠰ ᠤᠨ ᠢᠨᠵᠧᠨᠧᠷᠢᠩ ᠢ ᠬᠡᠷᠡᠭᠵᠢᠬᠦᠯᠵᠤ᠂ ︽3 ᠵᠠᠭᠤᠨ︾ ᠰᠤᠶᠤᠯ ᠢᠶᠠᠷ ᠠᠷᠠᠤᠨ ᠢ ᠬᠠᠷᠠᠭᠠᠯᠵᠠᠬᠤ | ᠢᠨᠵᠧᠨᠧᠷᠢᠩ ᠢ ᠠᠬᠢᠭᠤᠯᠵᠤ᠂ ︽3 ᠮᠢᠩᠭᠠᠨ ᠬᠦᠮᠤᠨ︾ ᠤ ᠠᠷᠠᠤᠨ ᠤᠨ ᠰᠤᠶᠤᠯ ᠤᠨ ᠪᠦᠯᠬᠦᠮ ᠢ ᠪᠤᠢ ᠪᠤᠯᠭᠠᠵᠤ | ᠂ ᠮᠦᠽᠸᠢ᠂ ᠨᠤᠮ ᠤᠨ ᠰᠠᠩ᠂ ᠰᠤᠶᠤᠯ ᠤᠨ ᠤᠷᠳᠤᠨ᠂ ᠳᠠᠩᠰᠠ ᠡᠪᠬᠡᠮᠡᠯ ᠤᠨ ᠤᠷᠳᠤᠨ ᠢ ᠡᠬᠢᠯᠡᠬᠦᠯᠵᠤ᠂ ᠤᠯᠠᠨ | ᠲᠦᠮᠡᠨᠴᠢ ᠰᠤᠶᠤᠯ ᠤᠨ ᠠᠵᠢᠯᠯᠠᠭᠠᠨ ᠤ ᠤᠯᠠᠨ ᠶᠠᠩᠵᠤᠳᠤ ᠬᠦᠭᠵᠢᠯᠳᠠ ᠶᠢ ᠠᠬᠢᠭᠤᠯᠵᠤ᠂ ︽ᠪᠦᠬᠦ ᠤᠯᠤᠰ ᠤᠨ | ᠪᠤᠯᠪᠠᠰᠤᠨ ᠬᠤᠰᠢᠭᠤ︾ ᠶᠢ ᠠᠮᠵᠢᠯᠳᠠᠳᠠᠢ ᠪᠦᠳᠤᠬᠡᠨ ᠪᠠᠶᠢᠭᠤᠯᠤᠨ᠎ᠠ᠃ ︽2014 ᠤᠨ ᠤ | ᠪᠦᠬᠦ ᠬᠤᠳᠠ ᠶᠢᠨ ᠤᠶᠤᠨ ᠤ ᠪᠤᠯᠪᠠᠰᠤᠨ ᠤ ᠳᠤᠬᠠᠢ ᠶᠢᠨ ᠳᠠᠯᠠᠪᠤᠷ ᠤᠨ ᠰᠤᠯᠢᠯᠴᠠᠭᠠᠨ ᠤ ᠬᠤᠷᠠᠯ︾ ᠢ ᠪᠦᠬᠦ | ᠬᠦᠴᠤᠨ ᠢᠶᠠᠷ ᠭᠤᠶᠤᠴᠢᠯᠠᠨ ᠡᠷᠬᠢᠯᠡᠨ᠎ᠠ᠃ ︽ᠴᠢᠬᠢᠷᠮᠠ ᠴᠢᠳᠠᠪᠤᠷᠢᠳᠠᠨ︾ ᠨᠡᠷᠡᠳᠤ ᠳᠡᠮᠳᠡᠭ ᠤᠨ | ᠪᠠᠶᠢᠯᠳᠤᠬᠤ ᠪᠤᠳᠤᠯᠭ᠎ᠠ ᠶᠢ ᠬᠦᠨᠵᠡᠬᠡᠢ ᠠᠬᠢᠭᠤᠯᠵᠤ᠂ ᠰᠤᠷᠭᠠᠨ ᠬᠦᠮᠤᠵᠢᠯ᠂ ᠡᠷᠡᠬᠦᠯ ᠬᠠᠮᠠᠭᠠᠯᠠᠯ ᠵᠡᠷᠬᠡ ᠳᠤ | ᠳᠤᠳᠠᠭᠳᠠᠵᠤ ᠪᠠᠶᠢᠭ᠎ᠠ ᠦᠨᠳᠤᠷ ᠳᠡᠰ ᠤᠨ ᠴᠢᠳᠠᠪᠤᠷᠢᠳᠠᠨ ᠢ ᠤᠷᠢᠨ ᠠᠪᠴᠢᠷᠠᠬᠤ ᠠᠷᠭ᠎ᠠ ᠵᠠᠮ ᠢ ᠰᠢᠯᠤᠭᠤᠤᠨᠬᠠᠵᠤ᠂ | ᠳᠤᠰᠬᠠᠢ ᠮᠡᠷᠬᠡᠵᠢᠯ ᠤᠨ ᠪᠦᠯᠬᠦᠮ ᠤᠨ ᠪᠤᠯᠪᠠᠰᠤᠷᠠᠭᠤᠯᠤᠯᠳᠠ ᠶᠢ ᠴᠢᠬᠤᠯᠠᠴᠢᠯᠠᠵᠤ᠂ ᠠᠵᠤ ᠠᠬᠤᠢ ᠶᠢᠨ ᠬᠦᠭᠵᠢᠯᠳᠠ | ᠳᠤ ᠤᠶᠤᠨ ᠤ ᠳᠤᠯᠭᠠᠭᠤᠷᠢᠯᠠᠯ ᠪᠠ ᠴᠢᠳᠠᠪᠤᠷᠢᠳᠠᠨ ᠤ ᠪᠠᠳᠤᠯᠠᠭ᠎ᠠ ᠶᠢ ᠬᠠᠩᠭᠠᠨ᠎ᠠ᠃ ᠬᠦᠮᠤᠨ ᠠᠮᠠ ᠪᠠ | ᠲᠦᠯᠤᠪᠯᠡᠬᠡᠳᠤ ᠬᠦᠩᠬᠡᠵᠢᠯ ᠤᠨ ᠠᠵᠢᠯ ᠢ ᠴᠢᠩᠭᠠᠤᠨᠬᠠᠵᠤ᠂ ᠡᠮᠡᠭᠳᠠᠶᠢᠴᠤᠤᠨ ᠪᠠᠭᠠᠴᠤᠤᠨ ᠤᠨ ᠡᠷᠬᠡ ᠠᠰᠢᠭ ᠢ | ᠪᠠᠳᠤᠯᠠᠵᠤ᠂ ᠨᠠᠰᠤᠳᠠᠶᠢᠴᠤᠤᠯ ᠤᠨ ᠤᠶᠢᠯᠡᠰ ᠤᠨ ᠬᠦᠭᠵᠢᠯᠳᠠ ᠶᠢ ᠰᠠᠶᠢᠳᠤᠷ ᠠᠤᠨᠬᠤᠵᠤ᠂ ᠵᠡᠮᠳᠡᠭᠴᠤᠤᠨ ᠲᠤ | ᠤᠶᠢᠯᠡᠴᠢᠯᠡᠬᠦ ᠰᠢᠰᠲ᠋ᠧᠮ ᠢ ᠳᠡᠬᠦᠯᠳᠡᠷᠵᠢᠬᠦᠯᠤᠨ᠎ᠠ᠃ | ︵ᠲᠦᠷᠪᠠ︶ ᠵᠠᠰᠠᠭ ᠤᠨ ᠤᠷᠳᠤᠨ ᠤ ᠴᠢᠳᠠᠪᠬᠢ ᠶᠢ ᠪᠦᠬᠦ ᠳᠠᠯ᠎ᠠ ᠪᠠᠷ ᠬᠤᠪᠢᠷᠠᠭᠤᠯᠤᠨ᠎ᠠ᠃ | ᠬᠠᠷᠢᠭᠤᠴᠠᠯᠭ᠎ᠠ ᠳᠤ ᠡᠬᠦᠷᠬᠡᠯᠡᠯ ᠲᠠᠢ᠂ ᠰᠢᠨᠡᠴᠢᠯᠡᠯᠳᠠ ᠳᠤ ᠬᠠᠷᠠᠯᠳᠠ ᠲᠠᠢ᠂ ᠤᠶᠢᠯᠡᠴᠢᠯᠡᠭᠡ ᠳᠤ ᠵᠤᠷᠢᠯᠳᠠ ᠲᠠᠢ᠂ | ᠬᠠᠤᠯᠢ ᠵᠠᠰᠠᠯᠳᠠ ᠳᠤ ᠦᠵᠠᠯᠳᠠ ᠲᠠᠢ᠂ ᠠᠷᠢᠭᠤᠨ ᠴᠢᠭᠴᠢ ᠳᠤ ᠪᠠᠳᠤᠯᠠᠭ᠎ᠠ ᠲᠠᠢ ᠠᠷᠠᠤᠨ ᠲᠤ ᠤᠶᠢᠯᠡᠴᠢᠯᠡᠬᠦ | ᠴᠢᠳᠠᠪᠤᠷᠢ ᠶᠢ ᠬᠦᠴᠤᠯᠡᠨ ᠳᠡᠬᠡᠭᠰᠢᠯᠡᠬᠦᠯᠤᠨ᠎ᠠ᠃ | ᠬᠠᠷᠢᠭᠤᠴᠠᠯᠭᠠᠳᠤ ᠵᠠᠰᠠᠭ ᠤᠨ ᠤᠷᠳᠤᠨ ᠢ ᠪᠠᠶᠢᠭᠤᠯᠤᠨ᠎ᠠ᠃ ᠠᠷᠠᠤᠨ ᠲᠦᠮᠡᠨ ᠤ ᠠᠮᠢ ᠨᠠᠰᠤ ᠡᠳ᠋ | ᠬᠦᠷᠤᠩᠬᠡ ᠶᠢᠨ ᠠᠮᠤᠷ ᠲᠦᠪᠰᠢᠨ ᠠᠯᠢᠪᠡ ᠠᠴᠠ ᠡᠷᠬᠢᠮ ᠬᠡᠬᠦ ᠦᠵᠡᠯᠳᠠ ᠶᠢ ᠪᠠᠳᠤ ᠪᠤᠢ ᠪᠤᠯᠭᠠᠵᠤ᠂ | ᠢᠳᠡᠪᠬᠢᠳᠠᠢ ᠠᠵᠢᠯᠯᠠᠵᠤ᠂ ᠨᠠᠶᠢᠬᠡᠮ ᠤᠨ ᠬᠠᠮᠢᠶᠠᠷᠤᠯᠳᠠ ᠶᠢᠨ ᠴᠢᠳᠠᠪᠤᠷᠢ ᠶᠢ ᠪᠦᠬᠦ ᠳᠠᠯ᠎ᠠ ᠪᠠᠷ ᠳᠡᠬᠡᠭᠰᠢᠯᠡᠬᠦᠯᠤᠨ᠎ᠠ᠃ | ᠠᠶᠤᠯᠬᠦᠢ ᠤᠶᠢᠯᠡᠤᠨᠪᠤᠷᠢᠯᠡᠯ ᠤᠨ ᠠᠵᠢᠯ ᠢ ᠶᠡᠬᠡᠪᠡᠷ ᠴᠢᠬᠤᠯᠠᠴᠢᠯᠠᠵᠤ᠂ ︽ᠨᠠᠮ ᠵᠠᠰᠠᠭ ᠬᠠᠷᠢᠭᠤᠴᠠᠯᠭ᠎ᠠ ᠠᠳᠠᠯᠢ᠂ | ᠨᠢᠬᠡ ᠪᠠᠶᠢᠷᠢ ᠬᠤᠤᠰ ᠬᠠᠷᠢᠭᠤᠴᠠᠯᠭ᠎ᠠ︾ ᠶᠢᠨ ᠲᠦᠷᠢᠮ ᠢ ᠪᠤᠳᠠᠳᠠᠶᠢᠵᠢᠭᠤᠯᠵᠤ᠂ ᠬᠡᠨᠡᠳᠡᠯ ᠢ ᠪᠠᠶᠢᠴᠠᠭᠠᠬᠤ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠤᠨᠬᠠᠵᠤ᠂ ᠬᠦᠨᠳᠤ ᠶᠡᠭᠡ ᠬᠡᠨᠡᠳᠡᠯ ᠡᠬᠦᠰᠬᠦ ᠶᠢ ᠰᠡᠷᠬᠡᠶᠢᠯᠡᠨ᠎ᠠ᠃ ᠢᠳᠡᠬᠡᠨ ᠤ | ᠠᠶᠤᠯᠬᠦᠢ ᠶᠢᠨ ᠬᠠᠮᠢᠶᠠᠷᠤᠯᠳᠠ ᠶᠢ ᠴᠢᠩᠭᠠᠤᠨᠬᠠᠵᠤ᠂ ᠠᠷᠠᠤᠨ ᠲᠦᠮᠡᠨ ᠤ ᠡᠷᠡᠬᠦᠯ ᠮᠡᠨᠳᠤ ᠶᠢ ᠬᠤᠬᠢᠷᠠᠭᠤᠯᠬᠤ | ᠠᠯᠢᠪᠠ ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠪᠠᠶᠢᠴᠠᠭᠠᠵᠤ ᠢᠯᠡᠷᠡᠭᠦᠯᠪᠡᠯ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠠᠨ᠎ᠠ᠃ ᠠᠮᠤᠷ ᠢ ᠬᠠᠮᠠᠭᠠᠯᠠᠨ ᠰᠡᠷᠬᠡᠶᠢᠯᠡᠬᠦ ︽ᠵᠢᠷᠭᠤᠭᠠᠨ ᠳᠤᠤᠷ︾ ᠤᠨ ᠪᠠᠶᠢᠭᠤᠯᠤᠯᠳᠠ ᠶᠢ ᠦᠷᠬᠦᠯᠵᠢᠯᠠᠨ | ᠴᠢᠩᠭᠠᠤᠨᠬᠠᠵᠤ᠂ ᠴᠢᠩᠭ᠎ᠠ ᠴᠤᠬᠢᠯᠳᠠ ᠶᠢ ᠦᠷᠬᠦᠯᠵᠢ ᠪᠠᠳᠤᠯᠠᠵᠤ᠂ ᠡᠯ᠎ᠡ ᠵᠦᠢᠯ ᠤᠨ ᠡᠷᠡᠬᠦᠤ ᠶᠢᠨ ᠬᠡᠷᠡᠭ ᠤᠨ | ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠪᠦᠬᠦ ᠤᠷᠤᠨ ᠤ ᠠᠮᠤᠷ ᠲᠦᠪᠰᠢᠨ ᠬᠤᠰᠢᠭᠤ ᠶᠢ | ᠪᠠᠶᠢᠭᠤᠯᠤᠨ᠎ᠠ᠃ | ᠰᠢᠨᠡᠴᠢᠯᠠᠯ ᠲᠠᠢ ᠵᠠᠰᠠᠭ ᠤᠨ ᠤᠷᠳᠤᠨ ᠢ ᠪᠠᠶᠢᠭᠤᠯᠤᠨ᠎ᠠ᠃ ᠥᠭᠡᠷᠡᠴᠢᠯᠡᠯᠳᠡ ᠰᠢᠨᠡᠴᠢᠯᠠᠯᠳᠠ ᠶᠢ ᠠᠵᠤ | ᠠᠬᠤᠢ ᠨᠡᠶᠢᠭᠡᠮ ᠤᠨ ᠭᠥᠭᠵᠢᠯᠳᠡ ᠶᠢᠨ ᠪᠥᠭᠦ ᠭᠥᠷᠢᠶ᠎ᠡ ᠬᠡᠪᠴᠢᠶ᠎ᠡ ᠡᠯ᠎ᠡ ᠭᠤᠭᠴᠤᠭ᠎ᠠ ᠳᠤ ᠨᠡᠪᠳᠡ ᠲᠤᠤᠱᠯᠠᠭᠤᠯᠤᠨ | ᠂ ᠪᠠᠶᠢᠭᠤᠯᠤᠮᠵᠢ ᠲᠤᠭᠳᠠᠴᠠ ᠶᠢᠨ ᠬᠢᠵᠠᠭᠠᠷᠯᠠᠯ ᠢ ᠰᠢᠪᠳᠤᠯᠤᠨ ᠭᠠᠵᠠᠷ ᠤᠷᠤᠨ ᠤ ᠠᠵᠤ ᠠᠬᠤᠢ ᠶᠢ ᠨᠠᠩ ᠴᠢᠨᠠᠷᠯᠢᠭ | ᠂ ᠲᠤᠭᠳᠠᠭᠤᠨ᠂ ᠥᠷᠭᠦᠯᠵᠢᠭᠦᠶᠢᠴᠡ ᠭᠥᠭᠵᠢᠭᠦᠯᠥᠨ᠎ᠡ᠃ ᠲᠡᠭᠡᠳᠥ ᠱᠠᠳᠤᠨ ᠠᠴᠠ ᠲᠤᠳᠤᠷᠬᠠᠢ ᠳᠤᠭᠳᠠᠭᠠᠭᠰᠡᠨ | ᠥᠭᠡᠷᠡᠴᠢᠯᠡᠯᠳᠡ ᠶᠢᠨ ᠠᠷᠭ᠎ᠠ ᠠᠪᠴᠠᠯ ᠤᠨ ᠭᠡᠷᠡᠭᠵᠢᠭᠦᠯᠭᠦ ᠲᠥᠰᠥᠯ ᠢ ᠲᠠᠷᠤᠢ ᠲᠥᠷᠭᠡᠨ ᠰᠤᠳᠤᠯᠤᠨ ᠲᠤᠭᠳᠠᠭᠠᠵᠤ᠂ | ᠵᠤᠬᠢᠶᠠᠨ ᠪᠠᠶᠢᠭᠤᠯᠤᠨ ᠬᠡᠷᠡᠭᠵᠢᠬᠦᠯᠵᠤ ᠲᠠᠷᠤᠶᠢᠬᠠᠨ ᠥᠷ᠎ᠡ ᠪᠥᠳᠤᠮᠵᠢ ᠭᠠᠷᠭᠠᠨ᠎ᠠ᠃ ᠡᠷᠢᠯᠬᠢᠯᠡᠯ ᠬᠠᠶᠢᠯᠳᠠ ᠪᠠᠷ | ᠲᠤᠷᠰᠢᠯᠭ᠎ᠠ ᠬᠤᠷᠠᠮᠳᠤᠭᠤᠯᠬᠤ ᠴᠢᠬᠤᠯᠠ ᠲᠠᠢ ᠥᠭᠡᠷᠡᠴᠢᠯᠡᠯᠳᠡ ᠶᠢᠨ ᠠᠷᠭ᠎ᠠ ᠠᠪᠴᠠᠯ ᠢ ᠥᠨᠳᠥᠰᠥᠨ ᠱᠠᠳᠣᠨ ᠳᠤ | ᠭᠥᠨᠵᠡᠭᠡᠶᠢᠷᠡᠨ ᠱᠠᠯᠠᠪᠳᠠᠨ ᠪᠠᠶᠢᠴᠠᠭᠠᠨ ᠰᠤᠳᠤᠯᠵᠤ᠂ ᠰᠠᠨᠠᠯ ᠲᠤᠷᠠᠳᠤᠯᠭ᠎ᠠ ᠭᠠᠷᠭᠠᠵᠤ᠂ ᠲᠠᠭᠡᠳᠤ ᠱᠠᠳᠤᠨ ᠳᠤ | ᠮᠡᠳᠡᠭᠦᠯᠥᠨ ᠬᠠᠮᠤᠭ ᠪᠥᠳᠤᠮᠵᠢᠳᠤ ᠲᠥᠯᠥᠪᠯᠡᠭᠡ ᠬᠢᠯᠭᠡᠨ᠎ᠡ᠃ | ᠥᠢᠯᠡᠴᠢᠯᠡᠭᠡ ᠲᠠᠢ ᠵᠠᠰᠠᠭ ᠤᠨ ᠤᠷᠳᠤᠨ ᠢ ᠪᠠᠶᠢᠭᠤᠯᠤᠨ᠎ᠠ᠃ ᠰᠢᠨᠵᠢᠯᠡᠭᠦ ᠤᠬᠠᠭᠠᠨᠴᠢ ᠵᠠᠰᠠᠭ ᠤᠨ ᠠᠵᠢᠯ | ᠤᠨ ᠪᠥᠳᠤᠮᠵᠢ ᠶᠢᠨ ᠥᠵᠡᠯᠳᠡ ᠪᠠᠷ ᠵᠢᠯᠤᠭᠤᠳᠤᠭᠤᠯᠤᠨ᠂ ᠰᠢᠨᠳᠠᠷᠠᠯ ᠥᠭᠡᠢ ᠴᠢᠷᠮᠠᠶᠢᠵᠤ ᠴᠦᠬᠦᠷᠡᠰᠢ ᠦᠬᠡᠢ | ᠭᠥᠴᠥᠯᠡᠭᠦ ᠤᠪᠤᠷ ᠢᠶᠠᠷ ᠠᠵᠢᠯ ᠳᠤ ᠪᠠᠨ ᠵᠢᠳᠭᠦᠵᠥ᠂ ᠠᠷᠠᠳ ᠢ ᠵᠥᠳᠡᠭᠡᠵᠥ ᠠᠰᠢᠭ ᠢ ᠰᠥᠢᠳᠭᠡᠭᠰᠡᠨ ᠪᠤᠶᠤ | ᠭᠠᠪᠢᠶ᠎ᠠ ᠭᠥᠭᠡᠭᠡᠴᠡᠯᠳᠥᠨ ᠶᠠᠭᠠᠷᠠᠤ ᠪᠥᠳᠥᠭᠡᠭᠰᠡᠨ ᠥᠩᠭᠡᠨ ᠲᠡᠳᠥᠢ ᠢᠨᠵᠧᠨᠧᠷᠢᠩ ᠢ ᠡᠷᠡᠰ ᠲᠡᠪᠴᠢᠨ᠎ᠠ᠃ ᠠᠷᠪᠢᠯᠠᠨ | ᠭᠠᠮᠨᠠᠬᠤ ᠥᠵᠡᠯ ᠰᠤᠷᠳᠠᠯ ᠢ ᠪᠠᠳᠤ ᠪᠠᠷᠢᠮᠳᠠᠯᠠᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠥᠳᠥᠴᠨ ᠶᠢ | ᠰᠢᠯᠢᠳᠡᠭᠵᠢᠭᠦᠯᠥᠨ ᠬᠢᠵᠠᠭᠠᠷᠳᠠᠢ ᠪᠡᠯᠡ ᠮᠦᠩᠭᠦ ᠢ ᠴᠢᠬᠤᠯᠠ ᠲᠠᠢ ᠭᠠᠵᠠᠷ ᠲᠤ ᠵᠠᠷᠣᠵᠣ᠂ ᠡᠳ᠋ ᠤᠨ ᠬᠦᠴᠦᠨ ᠢ | ᠲᠦᠪᠯᠡᠷᠡᠭᠦᠯᠦᠨ ᠠᠷᠠᠳ ᠢ ᠬᠠᠷᠠᠭᠠᠯᠵᠠᠨ᠎ᠠ᠃ ᠠᠷᠠᠳ ᠤᠨ ᠰᠠᠨᠠᠯ ᠲᠤᠰᠬᠠᠯ ᠪᠠ ᠥᠨᠡᠨ ᠪᠤᠳᠠᠳᠤ ᠪᠠᠶᠢᠳᠠᠯ ᠢ | ᠭᠥᠨᠵᠡᠭᠡᠢ ᠤᠶᠢᠯᠠᠭᠠᠵᠤ᠂ ᠡᠯ᠎ᠡ ᠲᠥᠷᠥᠯ ᠤᠨ ᠲᠥᠷᠥ ᠶᠢᠨ ᠪᠤᠳᠤᠯᠭ᠎ᠠ ᠶᠢᠨ ᠠᠷᠠᠳ ᠤᠨ ᠵᠤᠭᠰᠤᠴᠠ ᠠᠴᠠ | ᠡᠭᠦᠰᠴᠤ ᠠᠷᠠᠳ ᠤᠨ ᠭᠡᠷᠡᠭᠴᠡᠭᠡ ᠱᠠᠭᠠᠷᠳᠠᠯᠭ᠎ᠠ ᠳᠤ ᠨᠠᠶᠢᠴᠡᠬᠦ ᠶᠢ ᠪᠠᠳᠤᠯᠠᠨ᠎ᠠ᠃ ᠵᠠᠰᠠᠭ ᠤᠨ ᠤᠷᠳᠤᠨ ᠤ | ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠬᠠᠮᠤᠭ ᠲᠤᠤᠷ᠎ᠠ ᠪᠠᠳᠤᠯᠠᠭ᠎ᠠ ᠪᠠᠷ ᠰᠢᠢᠳᠪᠥᠷᠢ | ᠪᠤᠳᠤᠯᠭ᠎ᠠ ᠲᠤᠭᠳᠠᠭᠠᠵᠤ᠂ ᠭᠡᠯᠡᠭᠰᠡᠨ ᠢᠶᠠᠨ ᠪᠡᠶᠡᠯᠡᠭᠦᠯᠥᠨ ᠠᠮᠵᠢᠯᠳᠠ ᠪᠥᠳᠥᠮᠵᠢ ᠭᠠᠷᠭᠠᠨ᠎ᠠ᠃ ᠠᠷᠠᠳ ᠲᠥᠮᠡᠨ ᠤ | ᠠᠯᠪᠠᠨ ᠵᠠᠷᠤᠴᠠ ᠶᠢᠨ ᠤᠬᠠᠮᠰᠠᠷ ᠢᠶᠠᠨ ᠴᠢᠩᠭᠠᠳᠬᠠᠨ᠂ ᠥᠢᠯᠡᠴᠢᠯᠡᠭᠡᠨ ᠤ ᠤᠪᠤᠷ ᠬᠠᠷᠢᠭᠤᠴᠠᠯᠭ᠎ᠠ ᠪᠠᠨ | ᠲᠡᠭᠡᠭᠰᠢᠯᠡᠭᠦᠯᠵᠥ᠂ ᠥᠨᠳᠥᠷ ᠬᠡᠪ ᠴᠢᠨᠠᠷ ᠪᠥᠭᠦᠢ ᠠᠯᠪᠠᠳᠠᠨ ᠤ ᠡᠩᠨᠡᠭᠡ ᠶᠢ ᠪᠥᠷᠢᠯᠳᠤᠭᠦᠯᠥᠨ᠂ ᠪᠥᠭᠦ ᠨᠡᠶᠢᠭᠡᠮ ᠤᠨ | ᠠᠵᠢᠯᠴᠢ ᠬᠢᠴᠢᠶᠡᠩᠭᠦᠢ᠂ ᠠᠷᠪᠢᠴᠢ ᠪᠤᠷᠤᠭᠵᠢᠭᠤᠨ᠂ ᠠᠳᠠᠯ ᠥᠢᠯᠡᠰ ᠲᠤ ᠪᠠᠨ ᠰᠢᠮᠳᠠᠯ ᠲᠠᠢ ᠭᠡᠪ ᠰᠤᠷᠳᠠᠯ ᠢ | ᠲᠠᠶᠢᠴᠢᠯᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ᠬᠠᠤᠯᠢ ᠶᠤᠰᠤ ᠪᠠᠷ ᠵᠠᠰᠠᠭ ᠶᠠᠪᠤᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ | ᠤ ᠠᠷᠠᠳᠴᠢᠯᠠᠯ ᠤᠨ ᠬᠢᠨᠠᠯᠳᠠ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ ᠤᠬᠠᠮᠰᠠᠷ ᠠᠴᠠ ᠪᠠᠨ ᠭᠥᠯᠢᠶᠡᠨ᠂ | ᠬᠠᠤᠯᠢ ᠴᠠᠭᠠᠵᠠ ᠶᠢᠨ ᠥᠵᠡᠯ ᠤᠬᠠᠮᠰᠠᠷ ᠪᠠ ᠲᠥᠷᠢᠮ ᠢᠶᠠᠷ ᠭᠥᠯᠢᠶᠡᠰᠥᠯᠡᠭᠦ ᠲᠤᠭᠳᠠᠴᠠ ᠶᠢ ᠴᠢᠩᠭᠠᠳᠬᠠᠨ᠂ | ᠭᠠᠵᠠᠷ ᠤᠷᠤᠨ ᠤ ᠬᠠᠤᠯᠢᠵᠢᠯ ᠤᠨ ᠤᠷᠴᠢᠨ ᠢ ᠰᠠᠶᠢᠵᠢᠷᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠲᠥᠷᠢᠮ ᠤᠨ | ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠨᠡᠶᠢᠭᠡᠮ ᠤᠨ ᠵᠥᠷᠢᠴᠡᠯ ᠵᠢᠭᠤᠷᠠᠭᠠᠨ ᠤ ᠲᠥᠭᠰᠢᠭᠦᠷᠢ ᠥᠨᠡᠯᠡᠨ ᠵᠢᠱᠢᠭᠦ | ᠲᠤᠭᠳᠠᠴᠠ ᠪᠠᠶᠢᠭᠤᠯᠤᠨ᠂ ᠬᠠᠤᠯᠢ ᠵᠠᠷᠭᠤ ᠳᠤ ᠬᠤᠯᠪᠤᠭᠳᠠᠭᠰᠠᠨ ᠵᠠᠬᠢᠳᠠᠯ ᠰᠣᠷᠪᠣᠯᠵᠢᠯᠭ᠎ᠠ ᠶᠢᠨ ᠭᠡᠷᠡᠭ ᠢ | ᠰᠢᠢᠳᠪᠥᠷᠢᠯᠡᠭᠦ ᠲᠤᠭᠳᠠᠴᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠵᠥᠪ ᠶᠡᠷᠢᠶ᠎ᠠ ᠲᠤᠰᠬᠠᠯ ᠢ ᠭᠥᠳᠥᠯᠥᠨ᠂ | ᠨᠡᠶᠢᠭᠡᠮ ᠤᠨ ᠵᠥᠷᠢᠴᠡᠯ ᠢ ᠰᠠᠷᠭᠡᠶᠢᠯᠡᠨ ᠰᠢᠢᠳᠪᠦᠷᠢᠯᠡᠵᠣ᠂ ︽ᠠᠮᠤᠷ ᠠᠮᠤᠭᠤᠯᠠᠩ ᠤᠳᠤᠭ ᠤᠨ ᠡᠮᠥᠨᠡᠳᠥ | ᠬᠤᠰᠢᠭᠤ︾ ᠶᠢ ᠴᠤᠭᠴᠠᠯᠠᠨ᠎ᠠ᠃ | ᠠᠷᠢᠭᠤᠨ ᠴᠢᠭᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ᠨᠠᠮ ᠤᠨ ᠤᠯᠠᠨ ᠲᠥᠮᠡᠨᠴᠢ ᠱᠤᠭᠤᠮ ᠤᠨ | ᠭᠥᠮᠥᠵᠢᠯ ᠥᠢᠯᠡᠳᠥᠯᠭᠡᠵᠢᠯ ᠤᠨ ᠠᠵᠢᠯᠯᠠᠭ᠎ᠠ ᠶᠢ ᠪᠠᠳᠤᠳᠠᠢ ᠥᠷᠨᠢᠭᠦᠯᠵᠥ᠂ ᠲᠥᠪ ᠤᠨ ᠨᠠᠢᠮᠠᠨ ᠲᠤᠭᠳᠠᠭᠠᠯ ᠵᠢᠴᠢ | ᠤᠷᠤᠨ᠂ ᠬᠤᠳᠠ ᠶᠢᠨ ᠬᠠᠮᠢᠶ᠎ᠠ ᠪᠥᠭᠦᠢ ᠲᠥᠷᠢᠮ ᠲᠤᠭᠳᠠᠭᠠᠯ ᠢ ᠡᠷᠡᠰ ᠬᠡᠷᠡᠭᠵᠢᠭᠦᠯᠵᠣ᠂ ︽ᠭᠡᠯᠪᠡᠷᠢ ᠶᠢᠨ | ᠥᠵᠡᠯ᠂ ᠨᠤᠶᠠᠨᠴᠢ ᠰᠤᠷᠳᠠᠯ᠂ ᠵᠢᠷᠭᠠᠬᠤ ᠦᠵᠡᠯ᠂ ᠪᠦᠷᠢᠯᠬᠡᠬᠦ ᠰᠤᠷᠳᠠᠯ︾ ᠶᠢ ᠤᠨᠴᠠᠯᠠᠨ ᠵᠠᠰᠠᠵᠤ᠂ ᠥᠭᠦᠭᠡᠨᠴᠡ | ᠵᠠᠯᠬᠠᠭᠤ ᠰᠠᠯᠠᠩ ᠵᠠᠳᠠᠭᠠᠢ ᠠᠵᠢᠯᠯᠠᠨ᠂ ᠢᠳᠡᠭᠦ ᠠᠪᠬᠤ ᠭᠠᠴᠢᠬᠤ ᠱᠤᠯᠤᠬᠤ ᠶᠢ ᠯᠠ ᠮᠡᠳᠡᠵᠥ᠂ ᠪᠥᠳᠤᠮᠵᠢ ᠮᠠᠭᠤ | ᠬᠠᠷᠢᠭᠤᠴᠠᠯᠭ᠎ᠠ ᠪᠠᠷᠤᠭᠳᠠᠢ ᠮᠥᠷᠳᠡᠭᠡᠨ ᠴᠠᠯᠭᠠᠶᠢᠳᠠᠨ ᠠᠯᠮᠠᠶᠢᠷᠠᠬᠤ ᠥᠵᠡᠭᠳᠡᠯ ᠢ ᠬᠢᠨᠠᠮᠠᠭᠠᠢ ᠪᠠᠶᠢᠴᠠᠭᠠᠨ ᠡᠷᠡᠰ | ᠰᠢᠢᠳᠪᠥᠷᠢᠯᠡᠨ᠎ᠡ᠃ ᠵᠠᠰᠠᠭ ᠤᠨ ᠤᠷᠳᠤᠨ ᠤ ᠴᠢᠨᠠᠷᠳᠠᠢ ᠥᠷᠢ ᠥᠭᠴᠡᠭᠡ ᠶᠢ ᠢᠯᠭᠠᠷᠠᠭᠤᠯᠬᠤ ᠤᠨ ᠤ ᠡᠭᠦᠷᠭᠡ ᠪᠠᠨ | ᠪᠥᠭᠦ ᠲᠠᠯ᠎ᠠ ᠪᠠᠷ ᠭᠦᠢᠴᠡᠳᠬᠡᠨ᠎ᠡ᠃ ᠠᠷᠢᠭᠤᠨ ᠴᠢᠭᠴᠢ ᠵᠠᠰᠠᠭ ᠤᠨ ᠰᠤᠷᠳᠠᠯ ᠤᠨ ᠢᠯᠵᠢᠷᠡᠯ ᠢ ᠰᠡᠷᠭᠡᠶᠢᠯᠡᠭᠦ | ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠲᠦᠰᠤᠪ | ᠲᠤᠭᠳᠠᠭᠠᠬᠤ᠂ ᠰᠠᠯᠭᠠᠨ ᠥᠭᠭᠦ ᠪᠠ ᠭᠡᠷᠡᠭᠯᠡᠭᠦ ᠬᠠᠮᠢᠶᠠᠷᠤᠯᠳᠠ ᠶᠢᠨ ᠲᠤᠭᠳᠠᠴᠠ ᠶᠢ ᠲᠡᠭᠦᠯᠳᠡᠷᠵᠢᠭᠦᠯᠵᠥ᠂ ᠡᠳ᠋ ᠤᠨ | ᠵᠠᠰᠠᠭ ᠤᠨ ᠪᠡᠯᠡ ᠮᠥᠩᠭᠦᠨ ᠤ ᠭᠡᠷᠡᠭᠯᠡᠯᠳᠡ ᠶᠢᠨ ᠬᠢᠨᠠᠨ ᠰᠢᠯᠭᠠᠯᠳᠠ ᠶᠢᠨ ᠬᠢᠨᠠᠯᠳᠠ ᠶᠢ ᠴᠢᠩᠭᠠᠳᠬᠠᠨ᠂ ᠬᠠᠤᠯᠢ | ᠲᠥᠷᠢᠮ ᠵᠥᠷᠢᠴᠡᠭᠰᠡᠨ ᠶᠠᠪᠤᠳᠠᠯ ᠢ ᠴᠢᠩᠭ᠎ᠠ ᠪᠠᠶᠢᠴᠠᠭᠠᠨ ᠰᠢᠢᠳᠪᠥᠷᠢᠯᠡᠵᠥ᠂ ᠠᠷᠢᠭᠤᠨ ᠴᠢᠭᠴᠢ ᠲᠥᠷᠢ ᠲᠥᠷᠭᠦ ᠶᠢ | ᠱᠤᠭᠤᠨ᠎ᠠ᠃ | ᠲᠥᠯᠥᠭᠡᠯᠡᠭᠴᠢᠳ ᠡ᠂ ᠡᠷᠡᠨ ᠴᠠᠭ ᠤᠯᠠᠷᠢᠵᠤ ᠤᠷᠴᠢᠯᠠᠩ ᠲᠡᠯᠡᠭᠡᠢ ᠰᠢᠨᠡᠳᠴᠤ ᠪᠠᠶᠢᠨ᠎ᠠ᠂ ᠢᠷᠡᠭᠦ | ᠮᠠᠷᠭᠠᠰᠢ ᠪᠠᠨ ᠪᠠᠷᠠᠯᠠᠬᠤᠶ᠎ᠠ ᠢᠳᠡᠭᠡᠯ ᠵᠤᠷᠢᠭ ᠭᠥᠪᠴᠢᠯᠡᠭᠳᠡᠵᠥ ᠪᠠᠶᠢᠨ᠎ᠠ᠃ ᠤᠷᠤᠭᠰᠢᠯᠠᠬᠤ ᠵᠠᠮ ᠳᠤ ᠭᠡᠳᠥᠶᠢᠪᠡᠷ | ᠭᠥᠴᠢᠷ ᠪᠡᠷᠭᠡᠰᠢᠶᠡᠯ ᠥᠷᠢᠰᠥᠯᠳᠥᠭᠡᠨ ᠮᠡᠳᠭᠡᠭᠡᠨ ᠲᠠᠢ ᠪᠠᠶᠢᠭᠰᠠᠨ ᠴᠤ ᠤᠷᠳᠤ ᠬᠤᠭᠤᠴᠠᠭᠠᠨ ᠤ ᠭᠥᠭᠵᠢᠯᠳᠡ ᠶᠢᠨ | ᠰᠠᠭᠤᠷᠢ ᠪᠠ ᠬᠤᠰᠢᠭᠤ ᠲᠠᠶᠠᠭᠠᠷ ᠤᠨ ᠭᠠᠷᠮᠠᠭᠠᠶᠢᠯᠠᠨ ᠤᠷᠤᠭᠰᠢᠯᠠᠵᠤ ᠭᠠᠪᠰᠢᠭᠠᠶᠢᠯᠠᠨ ᠲᠡᠮᠡᠴᠡᠭᠦ ᠤᠷᠮ᠎ᠠ ᠵᠤᠷᠢᠭ ᠤᠨ | ᠭᠥᠴᠥᠯᠡᠯ ᠲᠤᠤᠷ᠎ᠠ ᠤᠳᠤᠭ ᠤᠨ ᠡᠮᠥᠨᠡᠳᠥ ᠬᠤᠰᠢᠭᠤ ᠮᠠᠨᠢ ᠬᠤᠳᠠ ᠭᠥᠳᠡᠭᠡ ᠶᠢ ᠨᠢᠭᠡᠳᠥᠯᠳᠡᠢ ᠲᠦᠯᠤᠪᠵᠢᠬᠦᠯᠵᠤ | ᠡᠷᠴᠢᠮᠵᠢᠭᠦᠯᠥᠨ ᠭᠥᠭᠵᠢᠭᠦᠯᠭᠦ ᠭᠥᠭᠵᠢᠯᠳᠡ ᠶᠢᠨ ᠬᠠᠷᠭᠤᠢ ᠳᠤ ᠨᠡᠩᠳᠡ ᠯᠠᠪᠳᠠᠭᠤᠨ ᠨᠡᠩᠳᠡ ᠲᠤᠷᠪᠢᠯᠢᠭ | ᠤᠷᠤᠭᠰᠢᠯᠠᠬᠤ ᠨᠢ ᠯᠠᠪᠳᠠᠢ᠃ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ | ᠨᠠᠮ ᠤᠨ ᠬᠤᠷᠢᠶᠠᠨ ᠤ ᠭᠥᠴᠥᠳᠤ ᠤᠳᠤᠷᠢᠳᠤᠯᠭ᠎ᠠ ᠲᠤᠤᠷ᠎ᠠ ᠢᠳᠡᠭᠡᠯ ᠲᠡᠭᠦᠯᠳᠡᠷ ᠵᠤᠷᠢᠭ ᠪᠠᠳᠠᠷᠠᠩᠭᠤᠢ ᠠᠯᠬᠤᠭ᠎ᠠ | ᠢᠳᠡᠷᠭᠦᠨ ᠤᠷᠤᠭᠰᠢᠯᠠᠵᠤ᠂ ᠭᠥᠴᠥᠨ ᠵᠤᠷᠢᠭ ᠢᠶᠠᠨ ᠬᠠᠮᠳᠤᠳᠬᠠᠨ ᠭᠥᠴᠢᠷ ᠪᠡᠷᠭᠡᠰᠢᠶᠡᠯ ᠢ ᠢᠯᠠᠵᠤ᠂ ᠬᠤᠳᠠ | ᠭᠥᠳᠡᠭᠡ ᠶᠢᠨ ᠢᠵᠢ ᠴᠤᠭᠴᠠᠵᠢᠯᠳᠠ ᠶᠢ ᠲᠥᠷᠥᠭᠦᠯᠡᠵᠥ ᠪᠡᠶᠡᠯᠡᠬᠦᠯᠤᠨ᠂ ᠪᠠᠶᠠᠨ ᠲᠠᠩᠰᠤᠭ᠂ ᠪᠤᠯᠪᠠᠰᠤᠨ ᠰᠠᠶᠢᠬᠠᠨ | ᠂ ᠥᠨᠢᠷ ᠵᠢᠷᠭᠠᠯ ᠲᠠᠢ᠂ ᠥᠵᠡᠰᠭᠦᠯᠡᠩ ᠲᠡᠭᠦᠯᠳᠡᠷ ᠤᠳᠤᠭ ᠤᠨ ᠡᠮᠥᠨᠡᠳᠥ ᠬᠤᠰᠢᠭᠤ ᠪᠠᠨ ᠴᠤᠭᠴᠠᠯᠠᠨ ᠪᠠᠶᠢᠭᠤᠯᠬᠤ | ᠶᠢᠨ ᠲᠤᠯᠠᠳᠠ ᠴᠤᠴᠠᠯ ᠥᠭᠡᠢ ᠴᠢᠷᠮᠠᠶᠢᠰᠤᠭᠠᠢ︕ | | | | | | | | | | | | | | | | | | | | ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠨᠠᠷᠠᠰ ᠤᠨ ᠲᠠᠶᠢᠯᠪᠤᠷᠢ | ︽8337︾ ᠭᠥᠭᠵᠢᠭᠦᠯᠥᠯᠳᠡ ᠶᠢᠨ ᠰᠡᠳᠬᠢᠮᠵᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ︽ | 8337︾ ᠭᠥᠭᠵᠢᠭᠦᠯᠥᠯᠳᠡ ᠶᠢᠨ ᠰᠡᠳᠬᠢᠮᠵᠢ ᠶᠢ ᠲᠤᠷᠠᠳᠴᠤ ᠭᠠᠷᠭᠠᠪᠠ᠂ ᠡᠭᠦᠨ ᠳᠤ᠄ ︽8 ᠭᠥᠭᠵᠢᠯᠳᠡ ᠶᠢᠨ | ᠤᠷᠤᠨ ᠲᠤᠭᠳᠠᠭᠠᠯᠳᠠ︾᠂ ︽3 ᠲᠠᠯ᠎ᠠ ᠪᠠᠷ ᠭᠥᠴᠥᠯᠡᠭᠦ︾᠂ ︽3 ᠲᠠᠯ᠎ᠠ ᠪᠠᠷ ᠨᠠᠩ ᠴᠢᠬᠤᠯᠠᠴᠢᠯᠠᠬᠤ︾᠂ ︽7 | ᠲᠥᠷᠥᠯ ᠤᠨ ᠬᠠᠷᠠᠯᠳᠠ ᠡᠭᠦᠷᠭᠡ︾ ᠶᠢ ᠪᠠᠭᠳᠠᠭᠠᠳᠠᠭ᠃ ︽8 ᠭᠥᠭᠵᠢᠯᠳᠡ ᠶᠢᠨ ᠤᠷᠤᠨ ᠲᠤᠭᠳᠠᠭᠠᠯᠳᠠ︾ ᠭᠡᠳᠡᠭ | ᠨᠢ᠄ ᠥᠪᠥᠷ ᠮᠤᠩᠭᠤᠯ ᠢ ᠨᠠᠶᠢᠰᠯᠠᠯ ᠬᠤᠳᠠ ᠶᠢ ᠪᠠᠳᠤᠯᠠᠵᠤ ᠤᠮᠠᠷᠠᠳᠤ ᠤᠷᠤᠨ ᠳᠤ ᠥᠢᠯᠡᠴᠢᠯᠡᠨ ᠤᠯᠤᠰ ᠲᠠᠶᠠᠭᠠᠷ | ᠲᠤ ᠬᠠᠨᠳᠤᠭᠤᠯᠤᠭᠰᠠᠨ ᠪᠤᠬᠢᠷᠳᠤᠯ ᠥᠭᠡᠢ ᠡᠨᠧᠷᠬᠢ ᠶᠢᠨ ᠭᠠᠷᠭᠠᠯᠳᠠ ᠶᠢᠨ ᠰᠠᠭᠤᠷᠢᠨ ᠪᠤᠯᠭᠠᠬᠤ︔ ᠪᠥᠭᠦ ᠤᠯᠤᠰ | ᠤᠨ ᠤᠳᠤ ᠥᠶ᠎ᠡ ᠶᠢᠨ ᠴᠢᠬᠤᠯᠠ ᠶᠡᠭᠡ ᠨᠡᠭᠦᠷᠡᠰᠤ ᠬᠢᠮᠢ ᠶᠢᠨ ᠠᠵᠤ ᠥᠢᠯᠡᠳᠪᠥᠷᠢ ᠶᠢᠨ ᠥᠢᠯᠡᠳᠪᠥᠷᠢᠯᠡᠯ ᠤᠨ | ᠲᠠᠭᠤᠷᠢᠶᠠᠯ ᠥᠵᠡᠭᠦᠯᠭᠦ ᠰᠠᠭᠤᠷᠢᠨ ᠪᠤᠯᠭᠠᠬᠤ︔ ᠥᠩᠭᠡᠳᠤ ᠲᠡᠮᠦᠷᠯᠢᠭ ᠤᠨ ᠪᠤᠯᠪᠠᠰᠤᠷᠠᠯ ᠡᠳ᠋ᠰᠢᠭᠦᠯᠥᠯ ᠪᠤᠯᠤᠨ | ᠲᠤᠨᠤᠭᠯᠠᠯ ᠲᠦᠬᠦᠬᠡᠷᠤᠮᠵᠢ ᠥᠢᠯᠡᠳᠪᠥᠷᠢᠯᠡᠭᠦ ᠵᠡᠷᠭᠡ ᠤᠳᠤ ᠥᠶ᠎ᠡ ᠶᠢᠨ ᠰᠢᠨ᠎ᠡ ᠠᠵᠤ ᠤᠶᠢᠯᠡᠰ ᠤᠨ ᠰᠠᠭᠤᠷᠢᠨ | ᠪᠤᠯᠭᠠᠬᠤ︔ ᠮᠠᠯ ᠲᠠᠷᠢᠶᠠᠯᠠᠩ ᠤᠨ ᠪᠤᠬᠢᠷᠳᠤᠯ ᠥᠭᠡᠢ ᠪᠥᠳᠥᠭᠡᠭᠳᠡᠭᠦᠨ ᠪᠤᠯᠪᠠᠰᠤᠷᠠᠭᠤᠯᠤᠨ ᠭᠠᠷᠭᠠᠬᠤ ᠰᠠᠭᠤᠷᠢᠨ | ᠪᠤᠯᠭᠠᠬᠤ︔ ᠲᠠᠯ᠎ᠠ ᠨᠤᠳᠤᠭ ᠤᠨ ᠰᠤᠶᠤᠯ᠂ ᠤᠮᠠᠷᠠᠳᠤ ᠤᠷᠤᠨ ᠤ ᠤᠨᠴᠠᠯᠢᠭᠳᠤ ᠰᠤᠶᠤᠯ ᠵᠢᠭᠤᠯᠴᠢᠯᠠᠯ ᠰᠠᠯᠠᠭᠦᠴᠡᠯ | ᠵᠤᠭ᠎ᠠ ᠴᠡᠩᠭᠡᠭᠦᠨ ᠤ ᠰᠠᠭᠤᠷᠢᠨ ᠪᠤᠯᠭᠠᠬᠤ︔ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ | ᠲᠦᠪᠰᠢᠨ ᠤ ᠴᠢᠬᠤᠯᠠ ᠬᠠᠯᠬᠠᠪᠴᠢ ᠪᠤᠯᠭᠠᠬᠤ︔ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠳᠤᠭᠳᠠᠭᠤᠨ ᠤ | ᠬᠠᠷᠠᠭᠤᠯ ᠬᠠᠯᠬᠠᠪᠴᠢ ᠪᠤᠯᠭᠠᠬᠤ︔ ᠤᠯᠤᠰ ᠠᠴᠠ ᠤᠮᠠᠷᠠᠳᠤ ᠳᠤ ᠬᠠᠨᠳᠤᠭᠤᠯᠤᠭᠰᠠᠨ ᠨᠡᠭᠡᠭᠡᠯᠳᠡ ᠶᠢᠨ ᠲᠥᠷᠥᠭᠦᠴᠢ | ᠥᠷᠳᠡᠭᠡ ᠪᠤᠯᠤᠨ ᠠᠮᠢᠵᠢᠷᠠᠯ ᠪᠢᠯᠬᠠᠭᠰᠠᠨ ᠬᠢᠵᠠᠭᠠᠷ ᠤᠷᠤᠨ ᠤ ᠠᠵᠤ ᠠᠬᠤᠢ ᠶᠢᠨ ᠪᠥᠰᠡ ᠪᠤᠯᠭᠠᠨ ᠴᠤᠭᠴᠠᠯᠠᠬᠤ | ᠶᠢ ᠭᠡᠯᠡᠵᠥ ᠪᠤᠢ᠃ ︽3 ᠲᠠᠯ᠎ᠠ ᠪᠠᠷ ᠭᠥᠴᠥᠯᠡᠭᠦ︾ ᠭᠡᠳᠡᠭ ᠨᠢ᠄ ᠠᠵᠤ ᠥᠢᠯᠡᠰ ᠤᠨ ᠪᠥᠳᠥᠴᠡ ᠶᠢᠨ | ᠲᠤᠬᠢᠷᠠᠭᠤᠯᠤᠯ ᠳᠤ ᠭᠥᠴᠥᠯᠡᠭᠦ︔ ᠰᠢᠶᠡᠨ ᠤ ᠪᠥᠰᠡ ᠶᠢᠨ ᠠᠵᠤ ᠠᠬᠤᠢ ᠶᠢ ᠭᠥᠭᠵᠢᠭᠦᠯᠭᠦ ᠳᠤ ᠭᠥᠴᠥᠯᠡᠭᠦ︔ | ᠨᠠᠶᠢᠳᠡ ᠶᠢᠨ ᠥᠮᠴᠢᠯᠡᠯ ᠤᠨ ᠪᠤᠰᠤ ᠠᠵᠤ ᠠᠬᠤᠢ ᠶᠢ ᠭᠥᠭᠵᠢᠭᠦᠯᠭᠦ ᠳᠤ ᠭᠥᠴᠥᠯᠡᠭᠦ ᠶᠢ ᠵᠢᠭᠠᠵᠤ ᠪᠤᠢ᠃ ︽3 | ᠲᠠᠯ᠎ᠠ ᠪᠠᠷ ᠨᠡᠩ ᠴᠢᠬᠤᠯᠠᠴᠢᠯᠠᠬᠤ︾ ᠭᠡᠳᠡᠭ ᠨᠢ᠄ ᠠᠷᠠᠳ ᠤᠨ ᠠᠮᠢᠳᠤᠷᠠᠯ ᠢ ᠬᠠᠷᠠᠭᠠᠯᠵᠠᠨ ᠰᠠᠶᠢᠵᠢᠷᠠᠭᠤᠯᠬᠤ ᠪᠠ | ᠨᠡᠶᠢᠭᠡᠮ ᠤᠨ ᠬᠠᠮᠢᠶᠠᠷᠤᠯᠳᠠ ᠶᠢ ᠨᠡᠩ ᠴᠢᠬᠤᠯᠠᠴᠢᠯᠠᠬᠤ︔ ᠠᠮᠢ ᠠᠬᠤᠢ ᠶᠢᠨ ᠪᠠᠶᠢᠭᠤᠯᠤᠯᠳᠠ ᠤᠷᠴᠢᠨ ᠲᠤᠭᠤᠷᠢᠨ | ᠤ ᠬᠠᠮᠠᠭᠠᠯᠠᠯᠳᠠ ᠶᠢ ᠨᠡᠩ ᠴᠢᠬᠤᠯᠠᠴᠢᠯᠠᠬᠤ︔ ᠥᠭᠡᠷᠡᠴᠢᠯᠡᠯᠳᠡ ᠨᠡᠭᠡᠭᠡᠯᠳᠡ ᠪᠤᠯᠤᠨ ᠰᠢᠨᠡᠴᠢᠯᠡᠯ ᠲᠠᠶᠢᠴᠢᠯᠠᠯ ᠢ ᠨᠡᠩ | ᠴᠢᠬᠤᠯᠠᠴᠢᠯᠠᠬᠤ ᠶᠢ ᠵᠢᠭᠠᠵᠤ ᠪᠤᠢ᠃ ︽7 ᠲᠥᠷᠥᠯ ᠤᠨ ᠬᠠᠷᠠᠯᠳᠠ ᠡᠭᠦᠷᠭᠡ︾ ᠭᠡᠳᠡᠭ ᠨᠢ᠄ ᠠᠵᠤ ᠠᠬᠤᠢ ᠶᠢᠨ | ᠥᠷᠭᠦᠯᠵᠢᠭᠦᠶᠢᠴᠡ ᠡᠷᠡᠭᠦᠯ ᠭᠥᠭᠵᠢᠯᠳᠡ ᠶᠢ ᠠᠬᠢᠭᠤᠯᠬᠤ︔ ᠠᠵᠤ ᠠᠬᠤᠢ ᠶᠢᠨ ᠨᠡᠮᠡᠭᠳᠡᠯ ᠤᠨ ᠴᠢᠨᠠᠷ ᠴᠢᠨᠰᠠᠭ᠎ᠠ | ᠪᠤᠯᠤᠨ ᠥᠷ᠎ᠡ ᠠᠰᠢᠭ ᠢ ᠴᠢᠬᠤᠯᠠᠴᠢᠯᠠᠨ᠂ ᠮᠠᠯ ᠲᠠᠷᠢᠶᠠᠯᠠᠩ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠤᠷᠤᠨ ᠤ | ᠠᠵᠢᠯ ᠢ ᠰᠠᠶᠢᠳᠤᠷ ᠬᠢᠭᠦ︔ ᠬᠤᠳᠠᠴᠢᠯᠠᠯᠳᠠ ᠪᠤᠯᠤᠨ ᠬᠤᠳᠠ ᠭᠥᠳᠡᠭᠡ ᠶᠢ ᠢᠵᠢ ᠴᠤᠭᠴᠠᠵᠢᠭᠤᠯᠬᠤ ᠠᠵᠢᠯ ᠢ | ᠠᠬᠢᠭᠤᠯᠬᠤ︔ ᠠᠷᠠᠳ ᠤᠨ ᠠᠮᠢᠳᠤᠷᠠᠯ ᠤᠨ ᠬᠠᠷᠠᠭᠠᠯᠵᠠᠯ ᠢ ᠰᠠᠶᠢᠵᠢᠷᠠᠭᠤᠯᠬᠤ ᠪᠠ ᠨᠡᠶᠢᠭᠡᠮ ᠤᠨ ᠬᠠᠮᠢᠶᠠᠷᠤᠯᠳᠠ ᠶᠢ | ᠰᠢᠨᠡᠴᠢᠯᠠᠭᠦ︔ ᠥᠭᠡᠷᠡᠴᠢᠯᠡᠯᠳᠡ ᠬᠢᠵᠥ ᠴᠢᠯᠥᠭᠡᠳᠡᠢ ᠶᠠᠪᠤᠯᠴᠠᠬᠤ ᠶᠢ ᠭᠥᠨᠵᠡᠭᠡᠶᠢᠷᠡᠭᠦᠯᠥᠨ ᠰᠢᠨᠵᠢᠯᠡᠭᠡ ᠮᠡᠷᠭᠡᠵᠢᠯ ᠤᠨ | ᠲᠠᠪᠰᠢᠯᠳᠠ ᠶᠢ ᠠᠬᠢᠭᠤᠯᠬᠤ︔ ᠨᠠᠮ ᠤᠨ ᠪᠠᠶᠢᠭᠤᠯᠤᠯᠳᠠ ᠶᠢᠨ ᠰᠢᠨᠵᠢᠯᠡᠬᠦ ᠤᠬᠠᠭᠠᠨᠴᠢ ᠲᠥᠪᠰᠢᠨ ᠢ ᠲᠡᠭᠡᠭᠰᠢᠯᠡᠭᠦᠯᠭᠦ | ᠵᠡᠷᠭᠡ ᠶᠢ ᠵᠢᠭᠠᠵᠤ ᠪᠤᠢ᠃ | LNG: ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠭᠡᠢ ᠶᠢᠨ ᠠᠩᠭ᠍ᠯᠢ ᠪᠢᠴᠢᠯᠭᠡ ᠶᠢᠨ ᠲᠤᠪᠴᠢᠯᠠᠯ᠃ | ᠭᠡᠷᠡᠯ ᠴᠠᠬᠢᠯᠭᠠᠨ᠄ ᠨᠠᠷᠠᠨ ᠳ᠋ᠢᠶᠠᠨ ᠤᠤᠢ ᠪᠠᠷ ᠨᠠᠷᠠᠨ ᠡᠨᠧᠷᠬᠢ ᠶᠢ ᠰᠢᠭᠤᠳ ᠴᠬᠢᠯᠭᠠᠨ ᠡᠨᠧᠷᠬᠢ ᠪᠤᠯᠭᠠᠨ | ᠬᠤᠪᠢᠷᠠᠭᠤᠯᠬᠤ ᠪᠤᠬᠢᠷᠳᠤᠯ ᠥᠭᠡᠢ ᠴᠠᠬᠢᠯᠭᠠᠨ ᠭᠠᠷᠭᠠᠬᠤ ᠠᠷᠭ᠎ᠠ᠃ | ︽ᠴᠠᠬᠢᠷᠮ᠎ᠠ ᠴᠢᠳᠠᠪᠤᠷᠢᠳᠠᠨ︾ ᠪᠠᠶᠢᠯᠳᠤᠬᠤ ᠪᠤᠳᠤᠯᠭ᠎ᠠ᠄ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠠᠴᠠ ᠮᠠᠨ ᠤ ᠬᠤᠰᠢᠭᠤᠨ ᠤ ᠴᠢᠳᠠᠪᠤᠷᠢᠳᠠᠳ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ | ᠴᠢᠳᠠᠪᠤᠷᠢᠳᠠᠳ ᠢ ᠲᠠᠳᠠᠬᠤ ᠭᠥᠴᠥ ᠪᠠᠨ ᠨᠡᠮᠡᠭᠳᠡᠭᠦᠯᠭᠦ ᠶᠢᠨ ᠬᠠᠮᠳᠤ ᠪᠥᠭᠦ ᠬᠤᠰᠢᠭᠤᠨ ᠤ ᠠᠵᠤ ᠠᠬᠤᠢ ᠨᠡᠶᠢᠭᠡᠮ | ᠤᠨ ᠭᠥᠭᠵᠢᠯᠳᠡ ᠳᠤ ᠨᠡᠩ ᠰᠠᠶᠢᠨ ᠥᠢᠯᠡᠴᠢᠯᠡᠭᠦᠯᠭᠦ ᠶᠢᠨ ᠲᠤᠰᠠᠳᠠ ᠭᠡᠷᠡᠭᠵᠢᠭᠦᠯᠥᠭᠰᠡᠨ ᠴᠢᠳᠠᠪᠤᠷᠢᠳᠠᠨ ᠤ ᠠᠵᠢᠯ ᠢ | ᠴᠢᠩᠭᠠᠳᠬᠠᠬᠤ ᠨᠢᠭᠡ ᠵᠥᠢᠯ ᠤᠨ ᠪᠠᠶᠢᠯᠳᠤᠬᠤ ᠪᠤᠳᠤᠯᠭ᠎ᠠ᠃ | ᠨᠠᠷᠠᠨ ᠡᠨᠧᠷᠬᠢ ᠰᠠᠯᠬᠢᠨ ᠴᠠᠬᠢᠯᠭᠠᠨ᠄ ᠨᠢᠭᠡ ᠲᠦᠬᠦᠷ ᠴᠠᠬᠢᠯᠭᠠᠨ ᠭᠠᠷᠭᠠᠬᠤ ᠬᠡᠷᠡᠭᠯᠡᠭᠡᠨ ᠤ ᠰᠢᠰᠲ᠋ᠧᠮ ᠪᠤᠯᠤᠨ᠎ᠠ᠃ | ᠲᠠᠷᠥᠢ ᠨᠠᠷᠠᠨ ᠳ᠋ᠢᠶᠠᠨ ᠤᠤᠢ ᠪᠤᠯᠤᠨ ᠰᠠᠯᠬᠢᠨ ᠡᠨᠧᠷᠬᠢ ᠶᠢᠨ ᠴᠠᠬᠢᠯᠭᠠᠨ ᠭᠠᠷᠭᠠᠭᠤᠷ ︵ᠬᠤᠪᠢᠰᠤᠮᠠᠯ ᠭᠥᠶᠥᠳᠡᠯᠳᠤ | ᠴᠠᠬᠢᠯᠭᠠᠨ ᠢ ᠲᠤᠭᠳᠠᠮᠠᠯ ᠴᠠᠬᠢᠯᠭᠠᠨ ᠪᠤᠯᠭᠠᠬᠤ︶ ᠤᠨ ᠡᠭᠦᠰᠭᠡᠭᠰᠡᠨ ᠴᠠᠬᠢᠯᠭᠠᠨ ᠡᠨᠧᠷᠬᠢ ᠶᠢ ᠴᠠᠬᠢᠯᠭᠠᠨ ᠬᠤᠷᠢᠶᠠᠭᠤᠷ | ᠤᠨ ᠪᠥᠯᠥᠭ ᠲᠤ ᠪᠠᠨ ᠬᠤᠷᠢᠶᠠᠵᠤ᠂ ᠴᠠᠬᠢᠯᠭᠠᠨ ᠭᠡᠷᠡᠭᠯᠡᠭᠦ ᠥᠶᠡᠰ ᠰᠥᠷᠭᠡᠤ ᠬᠤᠪᠢᠰᠭᠠᠭᠤᠷ ᠢᠶᠠᠷ ᠲᠠᠮᠵᠢᠭᠤᠯᠤᠨ | ᠲᠤᠭᠳᠠᠮᠠᠯ ᠴᠠᠬᠢᠯᠭᠠᠨ ᠢᠶᠠᠨ ᠬᠤᠪᠢᠰᠤᠮᠠᠯ ᠬᠥᠶᠥᠳᠠᠯᠳᠤ ᠴᠠᠬᠢᠯᠭᠠᠨ ᠪᠤᠯᠭᠠᠵᠤ ᠴᠠᠬᠢᠯᠭᠠᠨ ᠤᠳᠠᠰᠤ ᠪᠠᠷ | ᠲᠠᠮᠵᠢᠭᠤᠯᠤᠨ ᠭᠡᠷᠡᠭᠯᠡᠭᠴᠢᠳ ᠲᠤ ᠭᠥᠷᠭᠡᠭᠦ ᠴᠠᠬᠢᠯᠭᠠᠨ ᠬᠠᠩᠭᠠᠯᠳᠠ ᠶᠢᠨ ᠰᠢᠰᠲ᠋ᠧᠮ ᠤᠨ ᠨᠢᠭᠡ ᠲᠥᠷᠥᠯ᠃ | ᠨᠢᠬᠡ ᠪᠠᠶᠢᠷᠢ ᠬᠤᠤᠰ ᠬᠠᠷᠢᠭᠤᠴᠠᠯᠭ᠎ᠠ᠄ ᠠᠶᠥᠯᠭᠦᠢ ᠥᠢᠯᠡᠳᠪᠥᠷᠢᠯᠡᠯ ᠤᠨ ᠬᠢᠨᠠᠯᠳᠠ ᠬᠠᠮᠢᠶᠠᠷᠤᠯᠳᠠ ᠲᠤᠮᠳᠠ᠂ | ᠬᠠᠮᠢᠶ᠎ᠠ ᠪᠥᠭᠦᠢ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠠᠵᠢᠯ ᠤᠨ ᠪᠠᠶᠢᠷᠢ ᠶᠢᠨ ᠢᠶᠠᠨ ᠪᠤᠳᠠᠳᠠᠢ | ᠲᠤᠬᠠᠶᠢᠯᠠᠭᠰᠠᠨ ᠠᠵᠢᠯ ᠳᠤ ᠬᠠᠷᠢᠭᠤᠴᠠᠬᠤ ᠮᠥᠷᠳᠡᠭᠡᠨ ᠲᠤᠰ ᠠᠵᠢᠯ ᠤᠨ ᠪᠠᠶᠢᠷᠢ ᠶᠢᠨ ᠠᠶᠥᠯᠭᠦᠢ ᠥᠢᠯᠡᠳᠪᠥᠷᠢᠯᠡᠯ | ᠤᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠬᠠᠷᠢᠭᠤᠴᠠᠯᠭ᠎ᠠ ᠶᠢ ᠴᠤ ᠭᠥᠯᠢᠶᠡᠭᠦ ᠶᠢ ᠵᠢᠭᠠᠵᠤ ᠪᠤᠢ᠃ | ᠲᠤᠭᠠᠴᠠᠯᠠᠭᠰᠠᠨ ᠤᠳᠤᠭ ᠤᠨ ᠡᠮᠥᠨᠡᠳᠥ ᠬᠤᠰᠢᠭᠤ᠄ 110 ᠵᠢᠯᠤᠭᠤᠳᠬᠤ ᠲᠥᠪ ᠢ ᠠᠰᠢᠭᠯᠠᠨ ᠨᠡᠶᠢᠭᠡᠮ ᠤᠨ | ᠠᠮᠤᠷ ᠬᠠᠮᠠᠭᠠᠯᠠᠯᠳᠠ᠂ ᠬᠤᠳᠠ ᠪᠠᠯᠭᠠᠰᠤᠨ ᠤ ᠬᠠᠤᠯᠢ ᠭᠡᠷᠡᠭᠵᠢᠭᠦᠯᠥᠯᠳᠡ᠂ ᠨᠡᠭᠦᠷᠡᠰᠤ᠂ ᠵᠠᠮ ᠬᠠᠷᠢᠯᠴᠠᠭ᠎ᠠ᠂ ᠠᠮᠢ | ᠠᠬᠤᠢ ᠶᠢᠨ ᠬᠢᠨᠠᠯᠳᠠ ᠬᠡᠮᠵᠢᠯᠳᠡ ᠪᠤᠯᠤᠨ ᠡᠯ᠎ᠡ ᠭᠤᠤᠯᠳᠠᠯᠭᠠᠳᠤ ᠪᠠᠶᠢᠭᠤᠯᠭ᠎ᠠ ᠨᠢᠭᠡᠴᠡ ᠶᠢᠨ ᠰᠤᠷᠠᠭ ᠵᠠᠩᠭᠢ ᠶᠢᠨ | ᠡᠬᠢ ᠰᠤᠷᠪᠤᠯᠵᠢ ᠶᠢ ᠴᠡᠭᠴᠡᠯᠡᠨ ᠨᠢᠭᠡᠳᠭᠡᠭᠰᠡᠨ ᠪᠥᠭᠦ ᠬᠤᠰᠢᠭᠤᠨ ᠤ ᠰᠤᠷᠠᠭ ᠵᠠᠩᠬᠢ ᠶᠢᠨ ᠶᠡᠷᠥᠩᠭᠡᠶᠢᠯᠡᠭᠰᠡᠨ | ᠵᠢᠯᠤᠭᠤᠳᠬᠤ ᠲᠤᠬᠢᠷᠠᠭᠤᠯᠬᠤ ᠲᠥᠪ ᠢ ᠭᠡᠯᠡᠵᠥ ᠪᠤᠢ᠃ | ᠨᠠᠢᠮᠠᠨ ᠲᠤᠭᠳᠠᠭᠠᠯ᠄ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠠᠴᠠ ᠲᠤᠷᠠᠳᠤᠭᠰᠠᠨ᠂ | ᠭᠥᠨᠵᠡᠭᠡᠢ ᠪᠠᠶᠢᠴᠠᠭᠠᠨ ᠰᠤᠳᠤᠯᠤᠯᠳᠠ ᠬᠢᠭᠦ᠂ ᠬᠤᠷᠠᠯᠳᠤᠭᠠᠨ ᠢ ᠴᠥᠭᠡᠳᠭᠡᠨ ᠴᠡᠭᠴᠡᠯᠡᠭᠦ᠂ ᠪᠢᠴᠢᠭ ᠮᠠᠲ᠋ᠧᠷᠢᠶᠠᠯ ᠢ | ᠴᠤᠮᠬᠠᠳᠬᠠᠬᠤ᠂ ᠠᠶᠢᠯᠴᠢᠯᠠᠯ ᠰᠤᠷᠪᠤᠯᠵᠢᠯᠠᠭ᠎ᠠ ᠶᠢ ᠲᠥᠷᠢᠮᠵᠢᠭᠦᠯᠭᠦ᠂ ᠬᠠᠮᠠᠭᠠᠯᠠᠬᠤ ᠠᠵᠢᠯ ᠢ ᠦᠬᠡᠷᠡᠴᠢᠯᠡᠬᠦ᠂ | ᠰᠤᠨᠢᠨ ᠮᠡᠳᠡᠭᠡᠨ ᠤ ᠠᠵᠢᠯ ᠢ ᠰᠠᠶᠢᠵᠢᠷᠠᠭᠤᠯᠬᠤ᠂ ᠬᠡᠪᠯᠡᠯ ᠨᠡᠶᠢᠳᠡᠯᠡᠯ ᠢ ᠴᠢᠩᠭᠠᠳᠬᠠᠬᠤ ᠪᠠ ᠰᠠᠶᠢᠳᠤᠷ ᠭᠠᠮᠨᠠᠨ | ᠠᠷᠪᠢᠯᠠᠬᠤ ᠵᠡᠷᠭᠡ 8 ᠲᠠᠯ᠎ᠠ ᠪᠠᠷ ᠠᠵᠢᠯ ᠤᠨ ᠰᠤᠷᠳᠠᠯ ᠢ ᠰᠠᠶᠢᠵᠢᠷᠠᠭᠤᠯᠤᠨ ᠠᠷᠠᠳ ᠤᠯᠠᠨ ᠲᠠᠢ ᠨᠢᠭᠳᠠᠷᠠᠯᠴᠠᠬᠤ | ᠲᠤᠰᠬᠠᠢ ᠲᠤᠭᠳᠠᠭᠠᠯ᠃ | ᠥᠵᠡᠰᠭᠦᠯᠡᠩ ᠲᠡᠭᠦᠯᠳᠡᠷ ᠤᠳᠤᠭ ᠤᠨ ᠡᠮᠥᠨᠡᠳᠥ ᠬᠤᠰᠢᠭᠤ᠄ ᠬᠤᠰᠢᠭᠤ ᠶᠢᠰᠥᠳᠤᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠥᠭᠡᠷ ᠬᠤᠷᠠᠯᠳᠤᠭᠠᠨ ᠲᠡᠭᠡᠷ᠎ᠡ ᠲᠤᠷᠠᠳᠴᠤ | ᠭᠠᠷᠭᠠᠭᠰᠠᠨ ︽ᠪᠠᠶᠠᠨ ᠲᠠᠩᠰᠤᠭ᠂ ᠪᠤᠯᠪᠠᠰᠤᠨ ᠰᠠᠶᠢᠬᠠᠨ᠂ ᠥᠨᠢᠷ ᠵᠢᠷᠭᠠᠯ ᠲᠠᠢ᠂ ᠥᠵᠡᠰᠭᠦᠯᠡᠩ ᠲᠡᠭᠦᠯᠳᠡᠷ | ᠤᠳᠤᠭ ᠤᠨ ᠡᠮᠥᠨᠡᠳᠥ ᠬᠤᠰᠢᠭᠤ︾ ᠶᠢ ᠴᠤᠭᠴᠠᠯᠠᠨ ᠪᠠᠶᠢᠭᠤᠯᠬᠤ ᠭᠥᠭᠵᠢᠭᠦᠯᠥᠯᠳᠡ ᠶᠢᠨ ᠲᠥᠯᠥᠪᠯᠡᠭᠡ᠃ ᠪᠥᠭᠦ | ᠤᠯᠤᠰ ᠤᠨ ᠪᠤᠯᠪᠠᠰᠤᠨ ᠬᠤᠰᠢᠭᠤ ᠶᠢ ᠴᠤᠭᠴᠠᠯᠠᠬᠤ ᠠᠵᠢᠯ ᠤᠨ ᠠᠬᠢᠭᠤᠯᠤᠯᠳᠠ ᠶᠢᠨ ᠬᠤᠷᠠᠯᠳᠤᠭᠠᠨ ᠲᠡᠭᠡᠷ᠎ᠡ | ᠬᠤᠰᠢᠭᠤ ᠨᠠᠮ ᠤᠨ ᠬᠤᠷᠢᠶ᠎ᠠ ᠠᠴᠠ ᠡᠨᠡ ᠭᠦ ᠲᠥᠯᠥᠪᠯᠡᠭᠡ ᠶᠢ ᠪᠠᠶᠠᠯᠢᠭᠵᠢᠭᠤᠯᠤᠨ ᠲᠡᠭᠦᠯᠳᠡᠷᠵᠢᠭᠦᠯᠥᠭᠰᠡᠨ ᠪᠠᠶᠢᠨ᠎ᠠ᠃ | ᠲᠠᠷᠥᠢ᠄ ᠠᠮᠢ ᠠᠬᠤᠢ ᠶᠢᠨ ᠪᠠᠶᠢᠭᠤᠯᠤᠯᠳᠠ ᠶᠢᠨ ᠲᠡᠰ ᠲᠥᠪᠰᠢᠨ ᠢ ᠲᠡᠭᠡᠭᠰᠢᠯᠡᠭᠦᠯᠵᠥ ︽ᠴᠡᠯᠮᠡᠭ ᠠᠭᠠᠷ ᠴᠡᠯᠡᠭᠡᠷ | ᠲᠠᠯ᠎ᠠ ᠴᠡᠩᠬᠡᠭ ᠤᠰᠤ ᠲᠠᠢ ᠴᠡᠪᠡᠷ ᠲᠤᠬᠢᠯᠢᠭ ᠴᠡᠮᠴᠡᠭᠡᠷ ᠪᠤᠯᠪᠠᠰᠤᠨ ᠨᠤᠳᠤᠭ ᠤᠷᠤᠨ︾ ᠢᠶᠠᠨ ᠴᠤᠭᠴᠠᠯᠠᠬᠤ ᠶᠢᠨ | ᠰᠠᠭᠤᠷᠢᠨ ᠲᠡᠭᠡᠷ᠎ᠡ ᠭᠥᠳᠡᠭᠡ ᠨᠢ ᠭᠤᠶᠤᠬᠠᠨ᠂ ᠬᠤᠳᠠ ᠨᠢ ᠰᠠᠶᠢᠬᠠᠨ᠂ ᠳᠤᠰᠬᠤᠨ ᠨᠢ ᠲᠤᠬᠢᠳᠠᠶᠢᠬᠠᠨ᠂ ᠠᠶᠢᠯ ᠨᠢ | ᠠᠶᠠᠳᠠᠶᠢᠬᠠᠨ᠂ ᠠᠷᠠᠳ ᠨᠢ ᠲᠥᠪᠯᠡᠭᠦᠭᠡᠨ ᠪᠠᠶᠢᠬᠤ ︽ᠲᠠᠪᠤᠨ ᠰᠠᠶᠢᠬᠠᠨ︾ ᠤ ᠰᠢᠨ᠎ᠡ ᠱᠠᠭᠠᠷᠳᠠᠯᠭ᠎ᠠ᠃ | ᠭᠤᠷᠪᠠ ᠥᠭᠡᠢ ᠭᠥᠮᠥᠰ᠄ ᠭᠥᠳᠡᠯᠮᠥᠷᠢᠯᠡᠭᠦ ᠴᠢᠳᠠᠯ ᠥᠭᠡᠢ᠂ ᠤᠷᠤᠯᠭ᠎ᠠ ᠥᠭᠡᠢ᠂ ᠬᠠᠤᠯᠢ ᠳᠤ | ᠲᠤᠭᠳᠠᠭᠠᠭᠰᠠᠨ ᠠᠰᠠᠷᠠᠨ ᠬᠠᠷᠠᠭᠠᠯᠵᠠᠬᠤ ᠭᠥᠮᠥᠨ ᠥᠭᠡᠢ ᠡᠳᠡᠭᠡᠳ᠃ | ᠬᠤᠶᠠᠷ ᠥᠮᠡᠨ᠄ ᠭᠥᠭᠦᠨ ᠪᠤᠯᠴᠢᠷᠬᠠᠢ ᠶᠢᠨ ᠥᠮᠡᠨ ᠪᠤᠯᠤᠨ ᠰᠠᠪᠠᠨ ᠭᠥᠵᠥᠭᠦᠨ ᠥᠮᠡᠨ ᠃ | ᠢᠳᠡᠭᠡᠨ ᠤ ᠴᠢᠨᠠᠷ ᠴᠢᠨᠰᠠᠭ᠎ᠠ ᠶᠢᠨ ᠠᠶᠥᠯᠭᠦᠢ ᠶᠢᠨ ᠭᠡᠳᠡᠷᠭᠦ ᠨᠡᠭᠡᠮᠵᠢᠯᠡᠭᠦ ᠰᠢᠰᠲ᠋ᠧᠮ᠄ ᠥᠢᠯᠡᠳᠪᠥᠷᠢᠯᠡᠯ᠂ | ᠪᠠᠶᠢᠴᠠᠭᠠᠯᠳᠠ᠂ ᠬᠢᠨᠠᠯᠳᠠ ᠬᠠᠮᠢᠶᠠᠷᠤᠯᠳᠠ ᠪᠤᠯᠤᠨ ᠭᠡᠷᠡᠭᠯᠡᠭᠡᠨ ᠤ ᠡᠯ᠎ᠡ ᠭᠤᠭᠴᠤᠭ᠎ᠠ ᠶᠢ ᠬᠤᠯᠪᠤᠯᠳᠠᠭᠤᠯᠵᠤ᠂ | ᠰᠠᠨᠠᠭ᠎ᠠ ᠠᠮᠤᠷ ᠭᠡᠷᠡᠭᠯᠡᠭᠡ ᠳᠤ ᠵᠤᠷᠢᠭᠤᠯᠤᠭᠰᠠᠨ ᠰᠤᠷᠠᠭ ᠵᠠᠩᠬᠢ ᠶᠢᠨ ᠬᠠᠮᠢᠶᠠᠷᠤᠯᠳᠠ ᠶᠢᠨ ᠰᠢᠰᠲ᠋ᠧᠮ᠃ ᠲᠤᠰ | ᠰᠢᠰᠲ᠋ᠧᠮ ᠥᠢᠯᠡᠳᠪᠥᠷᠢᠯᠡᠯ ᠤᠨ ᠡᠬᠢ ᠰᠤᠷᠪᠤᠯᠵᠢ ᠠᠴᠠ ᠭᠡᠷᠡᠭᠯᠡᠭᠡ ᠭᠥᠷᠳᠡᠯᠡᠬᠢ ᠶᠠᠪᠤᠴᠠ ᠶᠢ ᠮᠥᠷᠳᠡᠨ ᠨᠡᠭᠡᠮᠵᠢᠯᠡᠭᠦ | ᠠᠷᠭ᠎ᠠ ᠪᠥᠳᠥᠴᠡ ᠭᠡᠷᠡᠭᠯᠡᠵᠥ᠂ ᠥᠢᠯᠡᠳᠪᠥᠷᠢᠯᠡᠯ᠂ ᠪᠤᠯᠪᠠᠰᠤᠷᠠᠭᠤᠯᠤᠯ᠂ ᠭᠥᠢᠯᠭᠡᠭᠡ᠂ ᠭᠡᠷᠡᠭᠯᠡᠭᠡ ᠵᠡᠷᠭᠡ ᠡᠯ᠎ᠡ | ᠭᠤᠭᠴᠤᠭ᠎ᠠ ᠲᠤᠮᠳᠠᠬᠢ ᠤᠯᠠᠨ ᠲᠠᠶᠠᠭᠠᠷ ᠤᠨ ᠠᠩᠬᠠᠷᠤᠯ ᠲᠠᠯᠪᠢᠵᠤ ᠪᠠᠶᠢᠭ᠎ᠠ ᠲᠥᠭᠡᠮᠡᠯ ᠠᠰᠠᠭᠤᠳᠠᠯ ᠢ ᠴᠥᠮ | ᠪᠠᠭᠳᠠᠭᠠᠨ ᠬᠠᠮᠤᠷᠠᠭᠰᠠᠨ ᠢᠳᠡᠭᠡᠨ ᠤ ᠠᠶᠥᠯᠭᠦᠢ ᠶᠢᠨ ᠰᠤᠷᠠᠭ ᠵᠠᠩᠬᠢ ᠶᠢᠨ ᠭᠥᠮᠥᠷᠭᠡ ᠪᠠᠶᠢᠭᠤᠯᠵᠤ᠂ ᠠᠰᠠᠭᠤᠳᠠᠯ ᠢ | ᠢᠯᠡᠷᠡᠭᠦᠯᠥᠮᠡᠭᠴᠡ ᠤᠭ ᠥᠨᠳᠥᠰᠥ ᠭᠥᠷᠳᠡᠯ᠎ᠡ ᠤᠬᠤᠴᠢᠯᠠᠨ ᠨᠡᠭᠡᠮᠵᠢᠯᠡᠵᠥ᠂ ᠠᠰᠠᠭᠤᠳᠠᠯ ᠲᠠᠢ ᠵᠥᠢᠯᠡᠰ ᠢ | ᠪᠥᠳᠥᠮᠵᠢᠳᠡᠢ ᠬᠢᠵᠠᠭᠠᠷᠯᠠᠬᠤ ᠪᠠ ᠡᠭᠡᠭᠦᠯᠥᠨ ᠪᠤᠴᠠᠭᠠᠵᠤ᠂ ᠭᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ | ᠡᠬᠢ ᠥᠨᠳᠥᠰᠥᠨ ᠠᠴᠠ ᠪᠠᠨ ᠪᠠᠳᠤᠯᠠᠬᠤ ᠪᠠᠷ ᠲᠤᠬᠢᠷᠠᠭᠤᠯᠪᠠ᠃ | ︽3 ᠵᠠᠭᠤ︾ ᠶᠢᠨ ᠰᠤᠶᠤᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ᠄ ︽ᠵᠠᠭᠤᠨ ᠲᠤᠰᠬᠤᠨ ᠳᠤ | ᠮᠢᠩᠭᠠᠨ ᠺᠢᠨᠣ᠋︾ ᠲᠠᠯᠪᠢᠬᠤ᠂ ︽ᠵᠠᠭᠤᠨ ᠡᠳᠥᠷ ᠤᠨ ᠠᠭᠤᠳᠠᠮ ᠲᠠᠯᠠᠪᠠᠢ ᠶᠢᠨ ᠰᠤᠶᠤᠯ ᠤᠨ ᠠᠵᠢᠯᠯᠠᠭ᠎ᠠ︾ ᠪᠠ ︽ | ᠵᠠᠭᠤᠨ ᠪᠥᠯᠭᠦᠮ ᠤᠨ ᠮᠢᠩᠭᠠᠨ ᠲᠠᠯᠠᠪᠠᠢ ᠲᠤᠭᠯᠠᠯᠳᠠ︾ ᠶᠢ ᠭᠥᠳᠡᠭᠡ ᠪᠠᠭᠤᠯᠭᠠᠬᠤ ᠠᠵᠢᠯᠯᠠᠭᠠᠨ ᠤ ᠶᠡᠷᠥᠩᠭᠡᠢ | ᠨᠡᠷᠡᠶᠢᠳᠤᠯ᠃ | ︽3 ᠮᠢᠩᠭᠠᠨ ᠭᠥᠮᠥᠨ︾ ᠤ ᠤᠯᠠᠮᠵᠢᠯᠠᠯᠳᠤ ᠰᠤᠶᠤᠯ ᠤᠨ ᠪᠦᠯᠬᠦᠮ᠄ ᠮᠢᠩᠭᠠᠨ ᠭᠥᠮᠥᠨ ᠤ ᠰᠠᠪᠬᠠᠨ | ᠪᠥᠵᠢᠭ᠂ ᠮᠢᠩᠭᠠᠨ ᠭᠥᠮᠥᠨ ᠤ ᠱᠠᠨᠵᠠ ᠪᠠ ᠮᠢᠩᠭᠠᠨ ᠭᠥᠮᠥᠨ ᠤ ᠲᠥᠷᠪᠡᠨ ᠤᠳᠠᠰᠤᠳᠤ ᠬᠤᠭᠤᠷ ᠤᠨ ᠪᠦᠯᠬᠦᠮ | ᠤᠨ ᠶᠡᠷᠤᠩᠬᠡᠢ ᠨᠡᠷᠡᠶᠢᠳᠤᠯ᠃ | ᠵᠢᠷᠭᠤᠭᠠᠨ ᠲᠤᠤᠷ᠄ 2012 ᠤᠨ ᠠᠴᠠ ᠡᠬᠢᠯᠡᠨ ᠬᠤᠰᠢᠭᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠠ | ᠪᠦᠬᠦ ᠬᠤᠰᠢᠭᠤᠨ ᠤ ᠬᠡᠪᠴᠢᠶᠡᠨ ᠳᠤ ᠪᠠᠶᠢᠭᠤᠯᠤᠭᠰᠡᠨ ︽ᠵᠡᠬᠡᠯᠢ ᠴᠠᠭᠳᠠᠨ ᠡᠵᠡᠮᠰᠢᠨ ᠰᠡᠷᠬᠡᠶᠢᠯᠡᠬᠦ ᠳᠤᠤᠷ᠂ | ᠨᠠᠶᠢᠬᠡᠮ ᠳᠤᠭᠤᠷᠢᠭ ᠲᠠᠢ ᠬᠤᠯᠪᠤᠭᠠᠯᠭᠰᠡᠨ ᠠᠮᠤᠷ ᠢ ᠬᠠᠮᠠᠭᠠᠯᠠᠬᠤ ᠳᠤᠤᠷ᠂ ᠠᠮᠤᠷ ᠢ ᠬᠠᠮᠠᠭᠠᠯᠠᠬᠤ ᠪᠠᠶᠢᠴᠠᠭᠠᠯᠳᠠ | ᠶᠢᠨ ᠴᠡᠭ ᠤᠨ ᠡᠵᠡᠮᠰᠢᠨ ᠰᠡᠷᠬᠡᠶᠢᠯᠡᠬᠦ ᠳᠤᠤᠷ᠂ ᠳᠤᠳᠤᠭᠠᠳᠤ ᠪᠠᠶᠢᠭᠤᠯᠭ᠎ᠠ ᠨᠢᠬᠡᠴᠢ ᠶᠢᠨ ᠡᠵᠡᠮᠰᠢᠨ ᠰᠡᠷᠬᠡᠶᠢᠯᠡᠬᠦ | ᠳᠤᠤᠷ᠂ ᠳᠤᠭᠠᠴᠠᠯᠠᠭᠰᠡᠨ ᠮᠡᠷᠬᠡᠵᠢᠯ ᠤᠨ ᠰᠡᠷᠬᠡᠶᠢᠯᠡᠨ ᠬᠢᠨᠠᠵᠤ ᠡᠵᠡᠮᠰᠢᠬᠦ ᠳᠤᠤᠷ᠂ ᠴᠠᠭᠳᠠᠭᠠᠨ ᠤ ᠠᠵᠢᠯ ᠤᠨ | ᠤᠷᠤᠨ ᠬᠡᠪᠴᠢᠶᠠᠨ ᠤ ᠬᠠᠮᠵᠢᠯᠴᠠᠨ ᠠᠵᠢᠯᠯᠠᠬᠤ ᠳᠤᠤᠷ︾ ᠤᠨ ᠪᠦᠬᠦ ᠳᠠᠯ᠎ᠠ ᠶᠢᠨ ᠠᠮᠤᠷ ᠢ ᠬᠠᠮᠠᠭᠠᠯᠠᠵᠤ ᠡᠵᠡᠮᠰᠢᠨ | ᠰᠡᠷᠬᠡᠶᠢᠯᠡᠬᠦ ᠰᠢᠰᠲ᠋ᠧᠮ᠃ | ᠵᠡᠭᠦᠯᠲᠡ᠄ ᠨᠡᠷᠡᠰ ᠤᠨ ᠲᠠᠶᠢᠯᠪᠤᠷᠢ ᠶᠢᠨ ᠲᠠᠷᠠᠭᠠᠯᠠᠯ ᠢ《 ᠵᠠᠰᠠᠭ ᠤᠨ ᠤᠷᠳᠣᠨ ᠤ ᠠᠵᠢᠯ ᠤᠨ ᠢᠯᠡᠳᠬᠡᠯ 》 ᠳᠤ | ᠢᠯᠡᠷᠡᠭᠰᠡᠨ ᠳᠠᠷᠠᠭᠠᠯᠠᠯ ᠢᠶᠠᠷ ᠵᠢᠭᠰᠠᠭᠠᠪᠠ᠃ | |