ᠤᠳᠤᠭ ᠤᠨ ᠡᠮᠤᠨᠡᠳᠤ ᠬᠤᠰᠢᠭᠤᠨ ᠤ 2013 ᠤᠨ ᠤ ᠤᠯᠤᠰ ᠠᠷᠠᠤᠨ ᠤᠨ ᠠᠵᠤ ᠠᠬᠤᠢ | ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2014 ᠤᠨ ᠤ | ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ | ᠮᠡᠳᠡᠬᠦᠯᠤᠯᠳᠠ | | | — 2014 ᠤᠨ 1 ᠰᠠᠷ᠎ᠠ ᠶᠢᠨ 22 ᠤᠨ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ | ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠬᠡᠷ᠎ᠠ | | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ | | ᠲᠦᠯᠤᠬᠡᠯᠡᠭᠴᠢᠤᠨ ᠡ ᠄ | ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ | 2013 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ | ᠬᠡᠷᠡᠭᠵᠢᠬᠦᠯᠦᠭᠰᠡᠨ ᠪᠠᠶᠢᠳᠠᠯ ᠬᠢᠬᠡᠤᠨ 2014 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ | ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ | ᠵᠥᠪᠯᠡᠵᠥ᠂ ᠬᠤᠰᠢᠭᠤᠨ ᠤ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ | ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠬᠡ᠂ 2013 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ | ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2013 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠨᠤᠪᠴᠢᠳᠠᠢ | ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ | ᠲᠦᠷᠤ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ ᠪᠦᠬᠦ ᠬᠤᠰᠢᠭᠤ ᠪᠠᠷ ᠢᠶᠠᠨ ᠥᠪᠡᠷᠳᠡᠭᠡᠨ ᠵᠠᠰᠠᠬᠤ ᠤᠷᠤᠨ | ᠤ ︽8337︾ ᠭᠥᠭᠵᠢᠭᠦᠯᠥᠯᠳᠡ ᠶᠢᠨ ᠰᠡᠳᠬᠢᠮᠵᠢ ᠶᠢ ᠪᠥᠭᠦ ᠲᠠᠯ᠎ᠠ ᠪᠠᠷ ᠲᠤᠤᠱᠯᠠᠭᠤᠯᠵᠤ᠂ ᠬᠤᠰᠢᠭᠤ ᠨᠠᠮ ᠤᠨ | ᠬᠤᠷᠢᠶ᠎ᠠ ᠵᠠᠰᠠᠭ ᠤᠨ ᠤᠷᠳᠤᠨ ᠤ ᠡᠯ᠎ᠡ ᠲᠥᠷᠥᠯ ᠤᠨ ᠰᠢᠢᠳᠪᠥᠷᠢ ᠪᠠᠶᠢᠷᠢᠰᠢᠭᠤᠯᠤᠯᠳᠠ ᠶᠢ ᠭᠥᠨᠵᠡᠭᠡᠢ | ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠤᠳᠠᠭᠠᠰᠢᠷᠠᠯ ᠤᠨ ᠲᠠᠷᠤᠯᠳᠠ ᠲᠤᠤᠷ᠎ᠠ ᠬᠤᠰᠢᠭᠤ ᠶᠢᠰᠥᠳᠥᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠢᠶᠠᠷ | ᠲᠤᠭᠳᠠᠭᠠᠭᠰᠠᠨ ᠡᠯ᠎ᠡ ᠲᠥᠷᠥᠯ ᠤᠨ ᠬᠠᠷᠠᠯᠳᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠥᠭᠰᠡᠨ ᠪᠠᠶᠢᠨ᠎ᠠ᠃ | ︵ᠨᠢᠭᠡ︶ ᠭᠥᠭᠵᠢᠯᠳᠡ ᠶᠢᠨ ᠨᠥᠭᠡᠴᠡ ᠭᠥᠴᠥᠨ ᠥᠷᠭᠦᠯᠵᠢᠯᠡᠨ ᠴᠢᠩᠭᠠᠳᠪᠠ᠃ ᠠᠵᠤ ᠠᠬᠤᠢ | ᠲᠤᠭᠳᠠᠭᠤᠨ ᠨᠡᠮᠡᠭᠳᠡᠵᠥ᠂ ᠪᠥᠭᠦ ᠬᠤᠰᠢᠭᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ | 118 ᠳ᠋ᠥᠩᠰᠢᠭᠤᠷ ᠲᠦᠬᠦᠷᠢᠭ ᠲᠤ ᠬᠦᠷᠴᠤ᠂ 27.1% ᠨᠡᠮᠡᠭᠳᠡᠪᠠ᠃ ᠨᠡᠶᠢᠭᠡᠮ ᠤᠨ ᠲᠤᠭᠳᠠᠮᠠᠯ ᠭᠥᠷᠥᠩᠭᠡ | ᠶᠢᠨ ᠪᠡᠯᠡ ᠤᠷᠤᠭᠤᠯᠤᠯᠳᠠ ᠶᠢ 230.9 ᠳ᠋ᠥᠩᠰᠢᠭᠤᠷ ᠲᠥᠭᠦᠷᠢᠭ ᠪᠡᠶᠡᠯᠡᠭᠦᠯᠵᠥ᠂ 14.67% ᠨᠡᠮᠡᠭᠳᠡᠪᠡ᠂ | ᠡᠭᠦᠨ ᠳᠤ ᠳ᠋ᠥᠩᠰᠢᠭᠤᠷ ᠲᠥᠭᠦᠷᠢᠭ ᠠᠴᠠ ᠲᠡᠭᠡᠭᠰᠢᠬᠢ ᠠᠵᠤ ᠥᠢᠯᠡᠳᠪᠥᠷᠢ ᠶᠢᠨ ᠭᠤᠤᠯᠳᠠᠯᠭᠠᠳᠤ ᠲᠥᠷᠥᠯ ᠵᠥᠢᠯ | ᠳᠤ 91 ᠳ᠋ᠥᠩᠰᠢᠭᠤᠷ ᠲᠥᠭᠦᠷᠢᠭ ᠤᠷᠤᠭᠤᠯᠵᠤ᠂ ᠬᠤᠳᠠ ᠭᠥᠳᠡᠭᠡ ᠶᠢᠨ ᠨᠢᠭᠡᠳᠥᠯᠳᠡᠢ ᠲᠥᠯᠥᠪᠵᠢᠭᠦᠯᠥᠯᠳᠡ ᠶᠢᠨ | ᠲᠤᠷᠰᠢᠯᠳᠠ ᠶᠢᠨ ᠴᠡᠭ ᠤᠨ ᠪᠠᠶᠢᠭᠤᠯᠤᠯᠳᠠ ᠳᠤ 21 ᠳ᠋ᠥᠩᠰᠢᠭᠤᠷ ᠲᠥᠭᠦᠷᠢᠭ ᠪᠡᠯᠡ ᠤᠷᠤᠭᠤᠯᠤᠨ᠂ ᠵᠠᠰᠠᠮᠠᠯ ᠵᠠᠮ | ᠤᠨ ᠪᠠᠶᠢᠭᠤᠯᠤᠯᠳᠠ ᠳᠤ 32.96 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠪᠠ᠃ ᠨᠡᠶᠢᠳᠡ ᠶᠢᠨ ᠡᠳ᠋ ᠤᠨ | ᠵᠠᠰᠠᠭ ᠲᠥᠰᠥᠪ ᠤᠨ ᠤᠷᠤᠯᠭ᠎ᠠ 11.66 ᠳ᠋ᠥᠩᠰᠢᠭᠤᠷ ᠲᠥᠭᠦᠷᠢᠭ ᠭᠥᠷᠴᠤ᠂ 19.16% ᠨᠡᠮᠡᠭᠳᠡᠪᠡ᠃ | ᠠᠷᠠᠳ ᠤᠨ ᠠᠮᠢᠳᠤᠷᠠᠯ ᠢ ᠬᠠᠷᠠᠭᠠᠯᠵᠠᠨ ᠪᠠᠳᠤᠯᠠᠬᠤ ᠪᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ | ᠢᠨᠵᠧᠨᠧᠷᠢᠩ ᠳᠤ 19.08 ᠳ᠋ᠥᠩᠰᠢᠭᠤᠷ ᠲᠥᠭᠦᠷᠢᠭ ᠪᠡᠯᠡ ᠤᠷᠤᠭᠤᠯᠤᠨ᠂ ᠨᠡᠶᠢᠳᠡ ᠶᠢᠨ ᠡᠳ᠋ ᠤᠨ ᠵᠠᠰᠠᠭ ᠤᠨ | ᠲᠥᠰᠥᠪ ᠤᠨ ᠵᠠᠷᠤᠯᠭ᠎ᠠ ᠶᠢᠨ 72% ᠶᠢ ᠡᠵᠡᠯᠡᠪᠡ᠃ ᠬᠤᠳᠠ ᠭᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ | ᠲᠤᠰ ᠪᠥᠷᠢ 32706 ᠲᠥᠭᠦᠷᠢᠭ ᠪᠠ 12800 ᠲᠥᠭᠦᠷᠢᠭ ᠲᠤ ᠭᠥᠷᠴᠥ᠂ 7.6% ᠪᠠ 11.6% | ᠨᠡᠮᠡᠭᠳᠡᠪᠡ᠃ ᠬᠦᠭᠵᠢᠯᠳᠡ ᠶᠢᠨ ᠲᠠᠯᠳᠠ ᠨᠥᠯᠥᠭᠡᠯᠡᠯ ᠭᠥᠴᠥᠨ ᠵᠥᠢᠯ ᠤᠯᠠᠮ ᠴᠢᠩᠭᠠᠳᠬᠠᠴᠣ᠂ ︽ᠤᠯᠤᠰ ᠤᠨ | ᠡᠷᠡᠭᠦᠯ ᠬᠠᠮᠠᠭᠠᠠᠯᠠᠯ ᠤᠨ ᠬᠤᠰᠢᠭᠤ︾᠂ ︽ᠪᠥᠭᠦ ᠤᠯᠤᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠬᠢᠨᠠᠨ | ᠰᠢᠯᠭᠠᠷᠠᠭᠤᠯᠤᠯᠳᠠ ᠶᠢᠨ ᠲᠡᠷᠢᠭᠦᠨ ᠤ ᠬᠤᠰᠢᠭᠤ︾᠂ ︽ᠥᠪᠡᠷᠳᠡᠭᠡᠨ ᠵᠠᠰᠠᠬᠤ ᠤᠷᠤᠨ ᠤ ᠴᠡᠴᠡᠷᠯᠢᠭᠵᠢᠭᠦᠯᠭᠡ | ᠶᠢᠨ ᠨᠡᠷᠡᠳᠤ ᠬᠤᠰᠢᠭᠤ︾᠂ ︽ᠥᠪᠡᠷᠳᠡᠭᠡᠨ ᠵᠠᠰᠠᠬᠤ ᠤᠷᠤᠨ ᠤ ᠪᠤᠯᠪᠠᠰᠤᠨ ᠬᠤᠰᠢᠭᠤ︾ ᠵᠡᠷᠭᠡ ᠭᠤᠴᠤ | ᠭᠥᠷᠳᠡᠭᠡᠯ ᠢᠶᠠᠷ ᠭᠠᠵᠠᠷ ᠤᠷᠤᠨ ᠤ ᠨᠡᠷ᠎ᠡ ᠠᠯᠳᠠᠷᠰᠢᠯ ᠮᠠᠨᠳᠤᠪᠠ᠃ | ︵ᠬᠤᠶᠠᠷ︶ ᠲᠥᠷᠥᠯ ᠵᠥᠢᠯ ᠤᠨ ᠲᠤᠯᠭᠠᠭᠤᠷᠢᠯᠠᠬᠤ ᠥᠢᠯᠡᠳᠤᠯ ᠢᠯᠡᠷᠭᠡᠢ ᠨᠡᠮᠡᠭᠳᠡᠪᠡ᠃ ︽ᠱᠠᠩᠬᠠᠢ ᠶᠢᠨ | ᠰᠥᠮ᠎ᠡ ᠠᠭᠤᠷᠬᠠᠢ ᠶᠢᠨ ᠤᠷᠤᠨ ᠤ ᠶᠡᠷᠥᠩᠭᠡᠢ ᠲᠥᠯᠥᠪᠵᠢᠭᠦᠯᠭᠡ ︵ᠵᠠᠰᠠᠪᠦᠷᠢᠯᠠᠭᠰᠠᠨ︶︾᠂ ᠰᠢᠨ᠎ᠡ ᠱᠠᠩᠬᠠᠢ ᠶᠢᠨ | ᠰᠥᠮ᠎ᠡ ᠨᠢᠭᠡ ᠨᠤᠮᠧᠷᠳᠤ᠂ ᠴᠠᠩ ᠴᠧᠩ ᠬᠤᠶᠠᠳᠤᠭᠠᠷ ᠨᠤᠮᠧᠷᠳᠤ ᠨᠡᠭᠦᠷᠡᠰᠤᠨ ᠠᠭᠤᠷᠬᠠᠢ ᠤᠯᠤᠰ ᠤᠨ | ᠭᠥᠭᠵᠢᠭᠦᠯᠥᠯᠳᠡ ᠥᠭᠡᠷᠡᠴᠢᠯᠡᠯᠳᠡ ᠶᠢᠨ ᠵᠥᠪᠯᠡᠯ ᠤᠨ ᠴᠤᠬᠤᠯᠠᠪᠤᠷᠢᠯᠠᠯ ᠢ ᠤᠯᠵᠤ᠂ ︽ᠱᠠᠩᠬᠠᠢ ᠶᠢᠨ ᠰᠥᠮ᠎ᠡ | ᠨᠡᠭᠦᠷᠡᠰᠤᠨ ᠠᠭᠤᠷᠬᠠᠢ ᠶᠢᠨ ᠠᠭᠤᠷᠬᠠᠢ ᠶᠢᠨ ᠥᠮᠴᠢᠯᠡᠯ ᠪᠠᠶᠢᠭᠤᠯᠬᠤ ᠲᠥᠰᠥᠯ︾ ᠤᠯᠤᠰ ᠤᠨ ᠭᠠᠵᠠᠷ ᠰᠢᠷᠥᠢ | ᠡᠬᠢ ᠪᠠᠶᠠᠯᠢᠭ ᠤᠨ ᠶᠠᠮᠤᠨ ᠳᠤ ᠲᠠᠩᠰᠠᠯᠠᠭᠳᠠᠪᠠ᠃ ︽ᠱᠠᠩᠬᠠᠢ ᠶᠢᠨ ᠰᠥᠮ᠎ᠡ ᠡᠨᠧᠷᠬᠢ ᠬᠢᠮᠢ ᠶᠢᠨ ᠠᠵᠤ | ᠥᠢᠯᠡᠳᠪᠥᠷᠢ ᠶᠢᠨ ᠰᠠᠭᠤᠷᠢᠨ ᠭᠠᠵᠠᠷ ᠤᠨ ᠠᠵᠤ ᠥᠢᠯᠡᠰ ᠤᠨ ᠭᠥᠭᠵᠢᠭᠦᠯᠥᠯᠳᠡ ᠶᠢᠨ ᠪᠤᠳᠤᠯᠭ᠎ᠠ ᠶᠢᠨ | ᠲᠥᠯᠤᠪᠵᠢᠭᠦᠯᠭᠡ︾᠂ ᠰᠧᠨ ᠲᠠᠢ ᠶᠢᠨ 2× 20 ᠲᠥᠮᠡᠨ ᠲᠤᠨ ᠤ LNG᠂ ᠷᠥᠨ ᠪᠥᠸᠧ ᠶᠢᠨ 33 ᠰᠠᠶ᠎ᠠ | ᠸᠠᠲ ᠤᠨ ᠨᠠᠷᠠᠨ ᠴᠠᠬᠢᠯᠭᠠᠨ ᠤ ᠲᠥᠷᠥᠯ ᠵᠥᠢᠯ ᠥᠪᠡᠷᠳᠡᠭᠡᠨ ᠵᠠᠰᠠᠬᠤ ᠤᠷᠤᠨ ᠤ ᠭᠥᠭᠵᠢᠭᠦᠯᠥᠯᠳᠡ | ᠥᠭᠡᠷᠡᠴᠢᠯᠡᠯᠳᠡ ᠶᠢᠨ ᠵᠥᠪᠯᠡᠯ ᠤᠨ ᠴᠤᠬᠤᠯᠠᠪᠤᠷᠢᠯᠠᠯ ᠢ ᠤᠯᠪᠠ᠃ ᠱᠧᠨ ᠬᠤᠸᠠ ᠶᠢᠨ ᠤᠯᠤᠰ ᠤᠨ ᠡᠨᠧᠷᠬᠢ᠂ | ᠤᠯᠤᠰ ᠤᠨ ᠴᠠᠬᠢᠯᠭᠠᠨ ᠪᠥᠯᠥᠭᠯᠡᠯ ᠤᠨ ᠱᠤᠸᠠᠩ ᠸᠧᠢ᠂ ᠪᠸᠢ ᠹᠠᠩ ᠤᠨ ᠴᠠᠬᠢᠯᠭᠠᠨ ᠡᠨᠧᠷᠬᠢ ᠶᠢᠨ ᠭᠤᠷᠪᠠᠨ | ᠠᠩᠬᠢ 2× 100 ᠲᠥᠮᠡᠨ ᠺᠢᠯᠤᠸᠠᠲ ᠤᠨ ᠨᠡᠭᠦᠷᠡᠰᠤᠨ ᠴᠠᠬᠢᠯᠭᠠᠨ᠂ ᠱᠧᠩ ᠯᠤ᠋ ᠶᠢᠨ ᠡᠨᠧᠷᠬᠢ ᠬᠢᠮᠢ ᠶᠢᠨ | 4× 100 ᠲᠥᠮᠡᠨ ᠺᠢᠯᠥᠸᠠᠲ ᠤᠨ ᠴᠠᠬᠢᠯᠭᠠᠨ ᠥᠢᠯᠡᠳᠪᠥᠷᠢ᠂ ᠰᠢᠨ ᠸᠧᠨ ᠠᠭᠤᠷᠬᠠᠢ ᠶᠢᠨ ᠪᠥᠯᠥᠭᠯᠡᠯ ᠤᠨ | ᠤᠯᠤᠰ ᠤᠨ ᠴᠠᠬᠢᠯᠭᠠᠨ ᠤ 2×35 ᠲᠥᠮᠡᠨ ᠺᠢᠯᠤᠸᠠᠲ ᠤᠨ ᠨᠡᠭᠦᠷᠡᠰᠥᠨ ᠴᠢᠯᠠᠭᠤᠨ ᠢᠯᠴᠢ ᠴᠠᠬᠢᠯᠭᠠᠨ ᠤ | ᠬᠤᠯᠪᠤᠭᠠᠳᠤ ᠥᠢᠯᠡᠳᠪᠥᠷᠢᠯᠡᠯ᠂ ᠬᠤᠸᠠ ᠰᠢᠩ ᠤᠨ 40 ᠳ᠋ᠥᠩᠰᠢᠭᠤᠷ ᠪᠤᠰᠤᠭ᠎ᠠ ᠲᠥᠷᠪᠡᠯᠵᠢᠨ ᠮᠧᠲᠷ ᠤᠨ | ᠨᠡᠭᠦᠷᠡᠰᠤ ᠪᠠᠷ ᠰᠢᠳᠠᠮᠠᠬᠠᠢ ᠭᠡᠢ ᠥᠢᠯᠡᠳᠭᠦ ᠲᠥᠷᠥᠯ ᠵᠥᠢᠯ ᠵᠡᠷᠭᠡ ᠢᠨᠵᠧᠨᠧᠷᠢᠩ ᠢ ᠤᠯᠤᠰ ᠤᠨ ᠭᠥᠭᠵᠢᠭᠦᠯᠥᠯᠳᠡ | ᠥᠭᠡᠷᠡᠴᠢᠯᠡᠯᠳᠡ ᠶᠢᠨ ᠵᠥᠪᠯᠡᠯ ᠳᠤ ᠮᠡᠳᠡᠭᠦᠯᠪᠡ᠃ ᠱᠠᠩᠬᠠᠢ ᠶᠢᠨ ᠰᠥᠮ᠎ᠡ ᠠᠴᠠ ᠱᠠᠨᠳᠥ᠋ᠩ ᠭᠥᠷᠭᠦ ᠤᠨᠴᠠ | ᠥᠨᠳᠥᠷ ᠲᠠᠷᠤᠯᠳᠠᠳᠤ ᠴᠠᠬᠢᠯᠭᠠᠨ ᠭᠥᠷᠭᠡᠯᠳᠡ ᠶᠢᠨ ᠢᠨᠵᠧᠨᠧᠷᠢᠩ ᠤᠯᠤᠰ ᠤᠨ ᠠᠭᠠᠷ ᠮᠠᠨᠳᠠᠯ ᠤᠨ ᠪᠤᠬᠢᠷᠳᠤᠯ | ᠵᠠᠰᠠᠬᠤ ᠠᠵᠢᠯᠯᠠᠭᠠᠨ ᠤ ᠲᠥᠯᠥᠪᠯᠡᠭᠡ ᠳᠤ ᠵᠢᠭᠰᠠᠭᠳᠠᠵᠤ᠂ ᠨᠢᠭᠡᠨᠳᠡ ᠲᠤᠮᠳᠠᠳᠤ ᠤᠯᠤᠰ ᠤᠨ ᠤᠯᠠᠨ ᠤᠯᠤᠰ ᠤᠨ | ᠢᠨᠵᠧᠨᠧᠷᠢᠩ ᠤᠨ ᠠᠰᠠᠭᠤᠨ ᠯᠠᠪᠯᠠᠯᠳᠠ ᠶᠢᠨ ᠺᠤᠮᠫᠠᠨᠢ ᠶᠢᠨ ᠬᠢᠨᠠᠨ ᠰᠢᠯᠭᠠᠯᠳᠠ ᠶᠢ ᠲᠤᠭᠤᠯᠤᠭᠰᠠᠨ ᠪᠠᠶᠢᠨ᠎ᠠ᠃ ᠵᠢᠥ | ᠲᠠᠢ ᠶᠢᠨ 120 ᠲᠥᠮᠡᠨ ᠲᠤᠨ ᠤ ᠠᠯᠺᠧᠨ ᠥᠢᠯᠡᠳᠭᠦ ᠲᠥᠷᠥᠯ ᠵᠥᠢᠯ ᠤᠨ ᠡᠮᠥᠨ᠎ᠡ ᠬᠤᠭᠤᠴᠭᠠᠨ ᠤ ᠠᠵᠢᠯ ᠢ | ᠡᠬᠢᠯᠡᠭᠦᠯᠪᠡ᠃ ᠰᠢᠨ᠎ᠡ ᠱᠠᠩᠬᠠᠢ ᠶᠢᠨ ᠰᠥᠮ᠎ᠡ ᠨᠢᠭᠡ ᠨᠤᠮᠧᠷᠳᠤ ᠨᠡᠭᠦᠷᠡᠰᠤᠨ ᠠᠭᠤᠷᠬᠠᠢ ᠲᠤᠷᠰᠢᠨ | ᠥᠢᠯᠡᠳᠪᠥᠷᠢᠯᠡᠵᠥ᠂ ᠡᠾᠧᠩ ᠺᠥᠨ ᠤ 120 ᠲᠥᠮᠡᠨ ᠲᠤᠨ ᠨᠡᠭᠦᠷᠡᠰᠤ ᠭᠡᠥᠷᠰᠢᠭᠦᠯᠭᠦ ᠤᠯᠠᠨ ᠬᠤᠯᠪᠤᠭᠠᠳᠤ | ᠥᠢᠯᠡᠳᠪᠥᠷᠢᠯᠡᠯ ᠤᠨ ᠬᠤᠶᠠᠳᠤᠭᠠᠷ ᠬᠤᠭᠤᠴᠠᠭᠠᠨ ᠤ ᠠᠵᠢᠯ᠂ ᠱᠢ ᠳ᠋ᠠ ᠶᠢᠨ ᠪᠤᠬᠢᠷᠳᠤᠯ ᠥᠭᠡᠢ ᠡᠨᠧᠷᠬᠢ ᠶᠢᠨ | 2×20 ᠲᠥᠮᠡᠨ ᠲᠤᠨ ᠤ LNG ᠶᠢᠨ ᠨᠢᠭᠡᠳᠥᠭᠡᠷ ᠬᠤᠭᠤᠴᠭᠠᠨ ᠤ ᠠᠵᠢᠯ᠂ ᠰᠧᠨ ᠲᠠᠢ ᠶᠢᠨ 2×20 | ᠲᠥᠮᠡᠨ ᠲᠤᠨ ᠤ LNG ᠶᠢᠨ ᠨᠢᠭᠡᠳᠥᠭᠡᠷ ᠬᠤᠭᠤᠴᠭᠠᠨ ᠤ ᠠᠵᠢᠯ ᠵᠡᠷᠭᠡ ᠳ᠋ᠥᠩᠰᠢᠭᠤᠷ ᠲᠥᠭᠦᠷᠢᠭ ᠠᠴᠠ | ᠲᠡᠭᠡᠭᠰᠢᠭᠢ ᠠᠵᠤ ᠥᠢᠯᠡᠳᠪᠥᠷᠢ ᠶᠢᠨ ᠭᠤᠣᠯᠳᠠᠯᠭᠠᠳᠦ ᠲᠥᠷᠥᠯ ᠵᠥᠢᠯ ᠤᠨ ᠪᠠᠶᠢᠭᠤᠯᠤᠯᠳᠠ ᠯᠠᠪᠳᠠᠭᠤᠨ ᠠᠬᠢᠵᠤ᠂ | ᠨᠡᠭᠦᠷᠡᠰᠤ᠂ ᠨᠡᠭᠦᠷᠡᠰᠤᠨ ᠬᠢᠮᠢ ᠶᠢᠨ ᠠᠵᠤ ᠥᠢᠯᠡᠳᠪᠥᠷᠢ ᠶᠢᠨ ᠥᠢᠯᠡᠳᠪᠥᠷᠢᠯᠡᠯ ᠤᠨ ᠭᠡᠮᠵᠢᠶ᠎ᠡ ᠲᠤᠰ ᠪᠥᠷᠢ 1550 | ᠲᠥᠮᠡᠨ ᠲᠤᠨ ᠪᠠ 110 ᠲᠥᠮᠡᠨ ᠲᠤᠨ ᠭᠥᠷᠥᠨ᠂ ᠰᠢᠳᠠᠮᠠᠬᠠᠢ ᠬᠡᠢ ᠶᠢᠨ ᠭᠠᠷᠤᠯᠳᠠ 40 ᠳ᠋ᠦᠩᠰᠢᠭᠤᠷ ᠪᠤᠰᠤᠭ᠎ᠠ | ᠲᠥᠷᠪᠡᠯᠵᠢᠨ ᠮᠧᠲᠷ ᠭᠥᠷᠴᠤ᠂ 10 ᠳ᠋ᠥᠩᠰᠢᠭᠤᠷ ᠪᠤᠰᠤᠭ᠎ᠠ ᠲᠥᠷᠪᠡᠯᠵᠢᠨ ᠮᠧᠲᠷ ᠨᠡᠮᠡᠭᠳᠡᠪᠡ᠃ ᠱᠠᠩᠬᠠᠢ ᠶᠢᠨ | ᠰᠥᠮ᠎ᠡ ᠡᠨᠧᠷᠬᠢ ᠬᠢᠮᠢ ᠶᠢᠨ ᠠᠵᠤ ᠥᠢᠯᠡᠳᠪᠥᠷᠢ ᠶᠢᠨ ᠰᠠᠭᠤᠷᠢᠨ ᠭᠠᠵᠠᠷ ᠤᠨ ᠡᠵᠡᠩᠨᠡᠯᠳᠡ ᠶᠢᠨ ᠤᠷᠤᠯᠭ᠎ᠠ 176. | 55 ᠳ᠋ᠥᠩᠰᠢᠭᠤᠷ ᠲᠥᠭᠦᠷᠢᠭ ᠭᠥᠷᠴᠥ᠂ ᠡᠭᠦᠨ ᠳᠤ ᠭᠤᠤᠯᠯᠠᠬᠤ ᠠᠵᠤ ᠠᠬᠤᠶᠢᠯᠠᠯ ᠤᠨ ᠡᠵᠡᠩᠨᠡᠯᠳᠡ ᠶᠢᠨ | ᠤᠷᠤᠯᠭ᠎ᠠ 101.46 ᠳ᠋ᠥᠩᠰᠢᠭᠤᠷ ᠲᠥᠭᠦᠷᠢᠭ ᠭᠥᠷᠪᠡ᠃ | ︵ᠭᠤᠷᠪᠠ︶ ᠬᠤᠳᠠ ᠪᠠᠯᠭᠠᠰᠤ ᠢᠵᠢ ᠴᠤᠭᠴᠠᠵᠢᠨ ᠵᠤᠬᠢᠴᠠᠩᠭᠤᠢ ᠭᠥᠭᠵᠢᠪᠡ᠃ ᠭᠥᠭᠵᠢᠯᠳᠡ ᠶᠢᠨ | ᠪᠠᠶᠢᠷᠢᠯᠠᠭᠤᠯᠤᠯᠳᠠ ᠶᠢ ᠤᠯᠠᠮ ᠰᠢᠯᠢᠳᠡᠭᠵᠢᠭᠦᠯᠥᠨ᠂ ᠬᠤᠳᠠ ᠭᠥᠳᠡᠭᠡ ᠶᠢᠨ ᠰᠠᠭᠤᠷᠢ ᠲᠥᠭᠦᠭᠡᠷᠤᠮᠵᠢ ᠶᠢᠨ | ᠪᠠᠶᠢᠭᠤᠯᠤᠯᠳᠠ ᠶᠢ ᠲᠡᠭᠦᠯᠳᠡᠷᠵᠢᠭᠦᠯᠵᠥ᠂ ᠬᠤᠳᠠ ᠭᠥᠳᠡᠭᠡ ᠶᠢ ᠨᠢᠭᠡᠳᠥᠯᠳᠡᠢ ᠲᠥᠯᠥᠪᠵᠢᠭᠦᠯᠭᠦ ᠲᠤᠷᠰᠢᠯᠳᠠ ᠶᠢᠨ | ᠴᠡᠭ ᠤᠨ ᠪᠠᠶᠢᠭᠤᠯᠤᠯᠳᠠ ᠯᠠᠪᠳᠠᠭᠤᠨ ᠠᠬᠢᠭᠤᠯᠪᠠ᠃ ᠤᠯᠵᠠᠴᠢ ᠪᠠᠯᠭᠠᠰᠤᠨ ᠤ ᠮᠠᠯ ᠲᠠᠷᠢᠶᠠᠯᠠᠩ ᠤᠨ ᠵᠠᠬ᠎ᠠ᠂ ᠵᠡᠮ | ᠵᠡᠭᠡᠯᠡᠢ ᠶᠢᠨ ᠥᠭᠡᠷᠡᠴᠢᠯᠡᠯᠳᠡ ᠪᠤᠯᠤᠨ ᠱᠠᠩᠬᠠᠢ ᠶᠢᠨ ᠰᠥᠮ᠎ᠡ ᠶᠢᠨ ᠥᠢᠯᠡᠰ ᠪᠤᠰᠬᠠᠨ ᠠᠵᠢᠯ ᠤᠯᠬᠤ ᠵᠠᠬ᠎ᠠ | ᠲᠡᠯᠭᠡᠭᠦᠷ᠂ ᠰᠠᠭᠤᠭᠠᠯᠢ ᠲᠤᠭᠤᠷᠢᠭ ᠵᠡᠷᠭᠡ ᠲᠥᠷᠥᠯ ᠵᠥᠢᠯ ᠤᠨ ᠪᠠᠶᠢᠭᠤᠯᠤᠯᠳᠠ ᠶᠢ ᠭᠤᠤᠯᠳᠠᠯᠭᠠᠳᠠᠢ | ᠭᠡᠷᠡᠭᠵᠢᠭᠦᠯᠪᠡ᠃ ᠤᠯᠵᠠᠴᠢ ᠪᠠᠯᠭᠠᠰᠤᠨ ᠤ ᠪᠠᠶᠢᠭᠤᠯᠤᠭᠳᠠᠭᠰᠠᠨ ᠤᠷᠤᠨ ᠤ ᠴᠡᠴᠡᠷᠯᠢᠭᠵᠢᠭᠦᠯᠥᠭᠰᠡᠨ ᠲᠠᠯᠠᠪᠠᠢ 310 | ᠲᠥᠮᠡᠨ ᠬᠠᠪᠳᠠᠭᠠᠢ ᠲᠥᠷᠪᠡᠯᠵᠢᠨ ᠮᠧᠲᠷ ᠭᠥᠷᠥᠨ᠂ ᠱᠠᠩᠬᠠᠢ ᠶᠢᠨ ᠰᠥᠮ᠎ᠡ ᠪᠠᠯᠭᠠᠰᠤᠨ ᠤ ᠴᠡᠴᠡᠷᠯᠢᠭᠵᠢᠭᠦᠯᠥᠭᠰᠡᠨ | ᠲᠠᠯᠠᠪᠠᠢ 38 ᠲᠥᠮᠡᠨ ᠬᠠᠪᠳᠠᠭᠠᠢ ᠲᠥᠷᠪᠡᠯᠵᠢᠨ ᠮᠧᠲᠷ ᠭᠥᠷᠪᠡ᠃ ᠨᠠᠩᠰᠤ᠂ ᠪᠤᠷᠤᠪᠠᠯᠭᠠᠰᠤ ᠶᠢᠨ ᠬᠤᠳᠠ | ᠪᠠᠯᠭᠠᠰᠤᠨ ᠤ ᠮᠠᠯ ᠲᠠᠷᠢᠶᠠᠯᠠᠩ ᠤᠨ ᠵᠠᠬ᠎ᠠ ᠲᠡᠯᠭᠡᠭᠦᠷ ᠠᠰᠢᠭᠯᠠᠯᠳᠠ ᠳᠤ ᠤᠷᠤᠪᠡ︔ ᠰᠢᠨ᠎ᠡ ᠮᠠᠶ᠋ᠢᠭ ᠤᠨ ᠠᠶᠢᠯ | ᠲᠤᠰᠬᠤᠨ ᠪᠤᠯᠤᠨ ᠰᠠᠭᠤᠭᠠᠯᠢ ᠠᠷᠠᠳ ᠤᠨ ᠴᠡᠭ ᠤᠨ ᠠᠵᠤ ᠥᠢᠯᠡᠰ ᠤᠨ ᠲᠥᠭᠦᠷᠵᠢᠯ᠂ ᠮᠠᠯ ᠲᠠᠷᠢᠶᠠᠯᠠᠩ ᠤᠨ | ᠰᠠᠭᠤᠷᠢ ᠲᠥᠭᠦᠭᠡᠷᠥᠮᠵᠢ ᠶᠢᠨ ᠪᠠᠶᠢᠭᠤᠯᠤᠯᠳᠠ ᠶᠢ ᠬᠠᠮᠳᠤ ᠳᠤ ᠨᠢ ᠭᠥᠭᠵᠢᠭᠦᠯᠵᠥ᠂ ᠤᠳᠤ ᠥᠶ᠎ᠡ ᠶᠢᠨ ᠲᠠᠷᠢᠶᠠᠯᠠᠩ | ᠤᠨ ᠰᠠᠭᠤᠷᠢᠨ 1.5 ᠲᠥᠮᠡᠨ ᠮᠤ᠋᠂ ᠲᠡᠵᠢᠭᠡᠯ ᠡᠪᠡᠰᠥᠨ ᠰᠠᠭᠤᠷᠢᠨ 5 ᠲᠥᠮᠡᠨ ᠮᠤ᠋᠂ ᠠᠯᠠᠰᠢᠨ ᠮᠠᠯ ᠲᠡᠵᠢᠭᠡᠵᠥ | ᠥᠷᠡᠵᠢᠭᠦᠯᠭᠦ ᠭᠥᠷᠢᠶᠡᠯᠠᠩ 3 ᠶᠢ ᠰᠢᠨ᠎ᠡ ᠪᠠᠷ ᠪᠠᠶᠢᠭᠤᠯᠤᠨ᠂ ᠤᠳᠤ ᠥᠶ᠎ᠡ ᠶᠢᠨ ᠭᠡᠷ ᠪᠥᠯᠢ ᠶᠢᠨ ᠮᠠᠯᠵᠢᠯ | ᠲᠠᠷᠢᠶᠠᠯᠠᠩ ᠤᠨ ᠡᠳ᠋ᠯᠠᠩ ᠪᠥᠭᠦᠢ ᠡᠷᠥᠭᠡ ᠶᠢ 200 ᠪᠤᠶᠢᠵᠢᠭᠤᠯᠪᠠ᠃ | ︵ᠲᠥᠷᠪᠡ︶ ᠭᠤᠷᠪᠠᠳᠤᠭᠠᠷ ᠠᠵᠤ ᠥᠢᠯᠡᠰ ᠤᠯᠠᠮ ᠢᠶᠠᠷ ᠲᠡᠰ ᠲᠡᠪᠰᠢᠪᠡ᠃ ᠰᠤᠶᠤᠯ᠂ ᠵᠢᠭᠤᠯᠴᠢᠯᠠᠯ | ᠠᠭᠤᠰᠤᠯᠴᠠᠨ ᠭᠥᠭᠵᠢᠵᠥ᠂ ᠵᠢᠭᠤᠯᠴᠢᠯᠠᠯ ᠤᠨ ᠥᠢᠯᠡᠰ ᠤᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ | ᠲᠤᠭᠳᠠᠭᠠᠵᠤ ᠭᠡᠷᠡᠭᠵᠢᠭᠦᠯᠥᠨ᠂ ᠨᠢᠩᠰᠢᠶᠡ ᠵᠡᠷᠭᠡ ᠬᠠᠪᠢ ᠵᠡᠷᠭᠡᠯᠳᠡᠭᠡ ᠤᠷᠤᠨ ᠯᠤᠭ᠎ᠠ ᠶᠢᠨ ᠬᠠᠮᠳᠤᠷᠠᠯᠴᠠᠭ᠎ᠠ | ᠰᠤᠯᠢᠯᠴᠠᠭ᠎ᠠ ᠶᠢ ᠴᠢᠬᠤᠯᠠᠴᠢᠯᠠᠵᠤ᠂ ᠤᠷᠤᠨ ᠬᠡᠪᠴᠢᠶᠡᠨ ᠤ ᠰᠤᠶᠤᠯ ᠤᠨ ᠵᠢᠭᠤᠯᠴᠢᠯᠠᠯ ᠤᠨ ᠠᠵᠣ ᠣᠶᠢᠯᠠᠰᠵᠢᠭ᠍ᠰᠡᠨ | ᠭᠥᠭᠵᠢᠯᠳᠡ ᠶᠢ ᠠᠬᠢᠭᠤᠯᠪᠠ︔ ᠭᠤᠯᠤᠮᠳᠠ ᠭᠠᠯ ᠤᠨ ᠲᠠᠬᠢᠯᠭ᠎ᠠ ᠲᠠᠶᠢᠯᠭ᠎ᠠ ᠱᠠᠩᠬᠠᠢ ᠶᠢᠨ ᠬᠢᠨᠢᠰ ᠤᠨ ᠲᠡᠮᠳᠡᠭᠯᠡᠯ | ᠳᠤ ᠪᠥᠷᠢᠳᠭᠡᠭᠦᠯᠥᠨ᠂ ᠶᠠᠨ ᠠᠨ ᠤ ᠥᠨᠳᠥᠰᠥᠳᠡᠨ ᠤ ᠲᠡᠭᠡᠳᠤ ᠰᠤᠷᠭᠠᠭᠤᠯᠢ ᠶᠢᠨ ᠪᠤᠷᠤᠪᠠᠯᠭᠠᠰᠤᠨ ᠳᠤ ᠬᠢ | ᠲᠤᠷᠠᠰᠬᠠᠯ ᠤᠨ ᠣᠷᠳᠣᠨ ᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂ ᠲᠤᠮᠤ ᠭᠡᠯᠪᠡᠷᠢ ᠶᠢᠨ ᠪᠠᠶᠠᠷ | ᠲᠤᠷᠠᠰᠬᠠᠯ ᠤᠨ ᠰᠤᠷᠳᠠᠯᠴᠢᠯᠠᠭ᠎ᠠ ᠪᠠ ᠰᠤᠶᠤᠯ ᠥᠵᠡᠭᠦᠯᠥᠭᠡ ᠵᠡᠷᠭᠡ ᠶᠢᠨ ᠨᠡᠷ᠎ᠡ ᠠᠯᠳᠠᠷᠰᠢᠯ | ᠥᠷᠭᠡᠵᠢᠪᠡ᠃ ︽ᠮᠠᠯᠴᠢᠨ ᠲᠠᠷᠢᠶᠠᠴᠢᠨ ᠠᠶᠢᠯ ᠤᠨ ᠰᠠᠯᠠᠭᠦᠴᠡᠯ︾ ᠤᠨ ᠭᠥᠯᠢᠶᠡᠨ ᠵᠤᠴᠢᠯᠠᠬᠤ 60 ᠡᠷᠥᠭᠡ ᠶᠢ | ᠭᠥᠭᠵᠢᠭᠦᠯᠪᠡ᠃ ᠮᠥᠩᠭᠦᠨ ᠭᠥᠢᠯᠭᠡᠭᠡᠨ ᠤ ᠥᠢᠯᠡᠴᠢᠯᠡᠭᠡ ᠶᠢᠨ ᠥᠢᠯᠡᠰ ᠯᠠᠪᠳᠠᠭᠤᠨ ᠠᠬᠢᠨ᠂ ᠠᠷᠠᠳ ᠤᠯᠠᠨ ᠤ | ᠭᠡᠷᠡᠭᠯᠡᠭᠡᠨ ᠤ ᠤᠷᠴᠢᠨ ᠤᠯᠠᠮ ᠰᠢᠯᠢᠳᠡᠭᠵᠢᠵᠥ᠂ ᠭᠤᠷᠪᠠᠳᠤᠭᠠᠷ ᠠᠵᠤ ᠥᠢᠯᠡᠰ ᠤᠨ ᠨᠡᠮᠡᠭᠳᠡᠯ ᠥᠷᠳᠡᠭ 36 | ᠳ᠋ᠥᠩᠰᠢᠭᠤᠷ ᠲᠥᠭᠦᠷᠢᠭ ᠭᠥᠷᠴᠤ᠂ 20.56%ᠨᠡᠮᠡᠭᠳᠡᠪᠡ᠃ ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ | ᠪᠤᠷᠤᠯᠠᠭᠤᠯᠤᠭᠰᠠᠨ ᠶᠡᠷᠥᠩᠭᠡᠢ ᠥᠷᠳᠡᠭ 16 ᠳ᠋ᠥᠩᠰᠢᠭᠤᠷ ᠲᠥᠭᠦᠷᠢᠭ ᠭᠥᠷᠴᠤ᠂ 13.64% ᠨᠡᠮᠡᠭᠳᠡᠪᠡ᠃ | ︵ᠲᠠᠪᠤ︶ ᠭᠥᠭᠵᠢᠯᠳᠡ ᠶᠢᠨ ᠤᠷᠴᠢᠨ ᠥᠷᠭᠦᠯᠵᠢᠯᠡᠨ ᠰᠠᠶᠢᠵᠢᠷᠠᠪᠠ᠃ ᠮᠠᠯ ᠪᠡᠯᠴᠢᠭᠡᠷ ᠢ | ᠲᠡᠩᠴᠡᠭᠦᠷᠢᠰᠢᠭᠦᠯᠭᠦ ᠲᠥᠷᠥ ᠶᠢᠨ ᠪᠤᠳᠤᠯᠭ᠎ᠠ ᠶᠢ ᠡᠷᠡᠰ ᠭᠡᠷᠡᠭᠵᠢᠭᠦᠯᠥᠨ᠂ ᠪᠠᠶᠢᠭᠠᠯᠢ ᠶᠢᠨ ᠤᠢ ᠶᠢᠨ ᠬᠠᠮᠭᠠᠯᠠᠯᠳᠠ᠂ | ᠪᠡᠯᠴᠢᠭᠡᠷ ᠢ ᠰᠤᠯᠠᠳᠬᠠᠨ ᠡᠪᠡᠰᠤ ᠲᠠᠷᠢᠬᠤ᠂ ᠲᠠᠷᠢᠶᠠᠨ ᠭᠠᠵᠠᠷ ᠢ ᠠᠳᠠᠷᠰᠢᠭᠤᠯᠤᠨ ᠤᠶᠢᠵᠢᠭᠤᠯᠬᠤ ᠵᠡᠷᠭᠡ ᠠᠮᠢ | ᠠᠬᠤᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠭᠡᠷᠡᠭᠵᠢᠭᠦᠯᠵᠥ᠂ 16 ᠲᠥᠮᠡᠨ ᠮᠤ᠋ ᠭᠠᠵᠠᠷ ᠤᠶᠢᠵᠢᠭᠤᠯᠤᠨ᠂ | 80 ᠲᠥᠮᠡᠨ ᠮᠤ᠋ ᠪᠡᠯᠴᠢᠭᠡᠷ ᠢ ᠰᠤᠯᠠᠳᠬᠠᠵᠤ ᠡᠪᠡᠰᠤ ᠲᠠᠷᠢᠪᠠ᠃ 20.5 ᠲᠥᠮᠡᠨ ᠮᠤ᠋ ᠭᠥᠷᠥᠰᠤ ᠰᠢᠷᠥᠢ ᠶᠢ | ᠬᠠᠮᠠᠭᠠᠯᠠᠬᠤ ᠶᠡᠷᠥᠩᠭᠡᠶᠢᠯᠡᠭᠰᠡᠨ ᠵᠠᠰᠠᠯᠳᠠ ᠶᠢ ᠭᠡᠷᠡᠭᠵᠢᠭᠦᠯᠪᠡ᠃ 74 ᠲᠤᠮᠤ ᠬᠡᠯᠪᠡᠷᠢ ᠶᠢᠨ ᠰᠥᠷᠴᠢᠨ ᠤᠰᠤᠯᠠᠬᠤ | ᠲᠥᠭᠦᠭᠡᠷᠤᠮᠵᠢ ᠪᠤᠯᠤᠨ 1194 ᠰᠠᠭᠤᠷᠢ ᠲᠥᠭᠦᠷ ᠲᠠᠷᠢᠶᠠᠯᠠᠩ ᠤᠨ ᠮᠠᠰᠢᠨ ᠲᠥᠭᠦᠭᠡᠷᠤᠮᠵᠢ ᠲᠤᠬᠢᠷᠠᠭᠤᠯᠪᠠ᠃ | 1717 ᠺᠢᠯᠤᠮᠧᠲᠷ ᠤᠨ ᠲᠠᠷᠢᠶᠠᠯᠠᠩ ᠤᠨ ᠴᠠᠬᠢᠯᠭᠠᠨ ᠲᠠᠳᠠᠵᠤ᠂ 883 ᠲᠥᠭᠦᠷ ︽ᠨᠠᠷᠠᠨ ᠡᠨᠧᠷᠬᠢ ᠰᠠᠯᠬᠢᠨ | ᠴᠠᠬᠢᠯᠭᠠᠨ︾ ᠴᠠᠬᠢᠯᠭᠠᠨ ᠭᠠᠷᠭᠠᠭᠤᠷ ᠤᠭᠰᠠᠷᠠᠨ᠂ ᠰᠢᠨ᠎ᠡ ᠪᠠᠷ 2696 ᠡᠷᠦᠬᠡ ᠳᠤ ᠴᠠᠬᠢᠯᠭᠠᠨ ᠨᠡᠪᠳᠡᠷᠭᠦᠯᠪᠡ᠃ | 110 ᠺᠢᠯᠤᠸᠤᠯᠲ ᠪᠠ 35 ᠺᠢᠯᠤᠸᠤᠯᠲ ᠤᠨ 4 ᠰᠠᠭᠤᠷᠢ ᠴᠠᠬᠢᠯᠭᠠᠨ ᠬᠤᠪᠢᠰᠬᠠᠬᠤ ᠥᠷᠳᠡᠭᠡ ᠶᠢᠨ ᠴᠢᠳᠠᠮᠵᠢ ᠶᠢ | ᠨᠡᠮᠡᠭᠳᠡᠭᠦᠯᠥᠨ ᠰᠢᠨᠡᠴᠢᠯᠡᠵᠣ ᠰᠢᠨ᠎ᠡ ᠪᠠᠷ 1 ᠰᠠᠭᠤᠷᠢ 110 ᠺᠢᠯᠤᠸᠤᠯᠲ ᠶᠢᠨ ᠴᠢᠬᠢᠯᠭᠠᠨ ᠬᠤᠪᠢᠰᠬᠠᠬᠤ | ᠦᠷᠳᠡᠭᠡ᠂ 4 ᠰᠠᠭᠤᠷᠢ 35 ᠺᠢᠯᠤᠸᠤᠯᠲ ᠶᠢᠨ ᠴᠠᠬᠢᠯᠭᠠᠨ ᠬᠤᠪᠢᠰᠬᠠᠬᠤ ᠦᠷᠳᠡᠭᠡ ᠪᠠᠳᠣᠯᠠᠪᠠ᠃ ᠴᠠᠭᠠᠨᠨᠠᠭᠤᠷ | ᠠᠴᠠ ᠤᠯᠵᠠᠴᠢ ᠶᠢ ᠲᠠᠭᠠᠷᠢᠨ ᠲᠡᠷᠭᠡ ᠰᠢᠶᠡᠨ ᠳᠤ ᠶᠢᠨ ᠴᠢᠩ ᠲᠥᠷᠭᠡᠨ ᠵᠠᠮ ᠳᠤ ᠨᠡᠪᠳᠡᠷᠭᠦᠯᠭᠦ ᠵᠠᠰᠠᠮᠠᠯ ᠵᠠᠮ ᠤᠨ | ᠪᠠᠶᠢᠭᠤᠯᠤᠯᠳᠠ ᠶᠢ ᠲᠠᠭᠤᠰᠬᠠᠵᠤ᠂ ᠤᠯᠵᠠᠴᠢ ᠠᠴᠠ ᠳ᠋ᠥᠩ ᠳ᠋ᠤᠤ ᠯᠢᠶᠠᠩ ︵ᠥᠪᠥᠷ ᠮᠤᠩᠭᠤᠯ ᠨᠢᠩᠰᠢᠶᠠ ᠶᠢᠨ | ᠰᠠᠪᠠ︶ ᠭᠥᠷᠭᠦ ᠲᠥᠷᠭᠡᠨ ᠵᠠᠮ ᠤᠨ ᠪᠠᠶᠢᠭᠤᠯᠤᠯᠳᠠ ᠥᠪᠡᠷᠳᠡᠭᠡᠨ ᠵᠠᠰᠠᠬᠤ ᠤᠷᠤᠨ ᠤ ᠭᠥᠭᠵᠢᠭᠦᠯᠥᠯᠳᠡ | ᠥᠭᠡᠷᠡᠴᠢᠯᠠᠯᠳᠠ ᠶᠢᠨ ᠵᠥᠪᠯᠡᠯ ᠤᠨ ᠴᠤᠬᠤᠯᠠᠪᠤᠷᠢᠯᠠᠯ ᠢ ᠤᠯᠪᠠ︔ ᠲᠣᠯᠢ ᠠᠴᠠ ᠱᠠᠩᠬᠠᠢ ᠶᠢᠨ ᠰᠥᠮ᠎ᠡ ᠭᠥᠷᠭᠦ | ᠲᠡᠮᠤᠷ ᠵᠠᠮ᠂ ᠤᠯᠵᠠᠴᠢ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠠᠷᠢᠯᠭ᠎ᠠ ᠶᠢᠨ ᠡᠮᠥᠨ᠎ᠡ ᠬᠤᠭᠤᠴᠠᠭᠠᠨ | ᠤ ᠠᠵᠢᠯ ᠯᠠᠪᠳᠠᠭᠤᠨ ᠠᠬᠢᠵᠤ᠂ ᠭᠠᠴᠠᠭ᠎ᠠ ᠲᠤᠰᠬᠤᠨ ᠳᠤ ᠨᠡᠪᠳᠡᠷᠡᠭᠦ ᠴᠠᠷᠳᠠᠮᠠᠯ ᠵᠠᠮ ᠢ 67 ᠺᠢᠯᠤᠮᠧᠲᠷ ᠵᠠᠰᠠᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠬᠠᠷᠠᠭᠠᠯᠵᠠᠯ ᠢ ᠨᠡᠩ ᠰᠠᠶᠢᠨ ᠪᠠᠳᠤᠯᠠᠪᠠ᠃ ᠬᠤᠳᠠ ᠭᠥᠳᠡᠭᠡ | ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠪᠠᠷᠢᠮᠵᠢᠶ᠎ᠠ ᠭᠥᠮᠥᠨ ᠲᠤᠳᠤᠮ ᠰᠠᠷ᠎ᠠ ᠪᠥᠷᠢ ᠲᠤᠰ | ᠲᠤᠰ 550 ᠲᠥᠭᠦᠷᠢ ᠪᠠ 310 ᠲᠥᠭᠦᠷᠢᠭ ᠭᠥᠷᠴᠤ᠂ ᠬᠤᠳᠠ ᠭᠥᠳᠡᠭᠡ ᠶᠢᠨ ᠲᠤᠤᠷ᠎ᠠ ᠪᠠᠳᠤᠯᠠᠭ᠎ᠠ ᠶᠢᠨ | ᠪᠠᠷᠢᠮᠵᠢᠶ᠎ᠠ ᠶᠢ ᠭᠥᠮᠥᠨ ᠲᠤᠳᠤᠮ ᠰᠠᠷ᠎ᠠ ᠪᠥᠷᠢ ᠲᠤᠰ ᠲᠤᠰ 480 ᠲᠥᠭᠦᠷᠢᠭ ᠪᠠ 390 ᠲᠥᠭᠦᠷᠢᠭ ᠭᠥᠷᠳᠡᠯ᠎ᠡ | ᠥᠰᠭᠡᠨ᠂ ᠬᠤᠳᠠ ᠭᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠭᠥᠮᠥᠨ | ᠲᠤᠮᠳᠠᠴᠢᠯᠠᠭᠰᠠᠨ ᠪᠡᠯᠡ ᠴᠤᠭᠯᠠᠭᠤᠯᠬᠤ ᠪᠡᠷᠢᠮᠵᠢᠶ᠎ᠠ ᠶᠢ ᠲᠡᠭᠡᠭᠰᠢᠯᠡᠭᠦᠯᠥᠭᠡᠳ 578 ᠲᠥᠭᠦᠷᠢᠭ ᠪᠤᠯᠭᠠᠵᠤ᠂ ᠬᠠᠮᠤᠭ | ᠥᠨᠳᠥᠷ ᠲᠠᠩᠰᠠ ᠲᠠᠶᠢᠯᠬᠤ ᠭᠡᠮᠵᠢᠶ᠎ᠡ ᠶᠢ 20 ᠲᠥᠮᠡᠨ ᠲᠥᠭᠦᠷᠢᠭ ᠭᠥᠷᠭᠡᠪᠡ᠃ 11 ᠰᠠᠭᠤᠷᠢ ᠲᠣᠮᠳᠡᠳᠦ ᠪᠠᠭ᠎ᠠ | ᠰᠤᠷᠭᠠᠭᠤᠯᠢ ᠪᠠ ᠭᠡᠥᠭᠡᠳ ᠤᠨ ᠴᠡᠴᠡᠷᠯᠢᠭ ᠢ ᠥᠭᠡᠷᠴᠢᠯᠡᠨ ᠪᠠᠶᠢᠭᠤᠯᠵᠤ᠂ ᠰᠢᠮ᠎ᠡ ᠲᠡᠵᠢᠭᠡᠯ ᠲᠠᠢ ᠥᠷᠯᠥᠭᠡ ᠶᠢᠨ | ᠬᠤᠭᠤᠯᠠ ᠶᠢᠨ ᠢᠨᠵᠧᠨ᠋ᠷᠢᠩ ᠢ ᠥᠷᠭᠦᠯᠵᠢᠯᠡᠨ ᠶᠠᠪᠤᠭᠳᠠᠭᠤᠯᠪᠠ᠃ ᠬᠤᠳᠠ ᠭᠥᠳᠡᠭᠡ ᠶᠢᠨ ᠰᠤᠶᠤᠯ ᠤᠨ ᠠᠵᠢᠯᠯᠠᠭᠠᠨ | ᠤ ᠲᠥᠪ ᠢ 4 ᠪᠠᠶᠢᠭᠤᠯᠵᠤ᠂ ᠤᠯᠠᠨ ᠡᠰᠢᠳᠤ ᠢᠷᠠᠭᠤ ᠭᠤᠴᠤ ᠰᠤᠶᠤᠯ ᠤᠷᠠᠯᠢᠭ ᠤᠨ ᠪᠥᠳᠥᠭᠡᠯ ᠭᠠᠷᠭᠠᠵᠤ᠂ | ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠤᠯᠤᠰ ᠤᠨ ᠤᠯᠠᠨ ᠨᠡᠶᠢᠳᠡ ᠶᠢᠨ ᠰᠤᠶᠤᠯ ᠤᠨ | ᠥᠢᠯᠡᠴᠢᠯᠡᠭᠡᠨ ᠤ ᠤ ᠰᠢᠰᠲ᠋ᠧᠮ ᠤᠨ ᠲᠠᠭᠤᠷᠢᠶᠠᠯ ᠤᠷᠤᠨ ᠤ ᠬᠢᠨᠨ ᠰᠢᠯᠭᠠᠯᠳᠠ ᠶᠢ ᠤᠷᠤᠭᠰᠢᠳᠠᠢ ᠲᠤᠭᠤᠯᠪᠠ᠃ | ᠬᠤᠰᠢᠭᠤ ᠡᠮᠨᠡᠯᠭᠡ ᠶᠢᠨ ᠬᠤᠷᠢᠶ᠎ᠠ ᠶᠢ ᠥᠭᠡᠷᠴᠢᠯᠡᠨ ᠰᠢᠨᠡᠳᠭᠡᠵᠥ᠂ ᠡᠮ ᠡᠮᠴᠢᠯᠡᠭᠡ ᠡᠷᠡᠭᠦᠯ ᠬᠠᠮᠠᠭᠠᠯᠠᠯ ᠤᠨ ᠤᠷᠴᠢᠨ | ᠢ ᠣᠯᠠᠮ ᠲᠡᠭᠦᠯᠳᠡᠷᠵᠢᠭᠦᠯᠪᠡ᠃ ᠪᠠᠳᠤᠯᠠᠭ᠎ᠠ ᠶᠢᠨ ᠤᠷᠤᠨ ᠰᠠᠭᠤᠴᠠ 1322 ᠲᠥᠭᠦᠷ ᠪᠠᠶᠢᠭᠤᠯᠵᠤ᠂ ᠡᠭᠦᠨ ᠳᠤ | 504 ᠲᠥᠭᠦᠷ ᠬᠢᠮᠳᠠ ᠲᠥᠷᠢᠶᠡᠰᠥᠨ ᠭᠡᠷ ᠢ ᠪᠠᠭᠳᠠᠭᠠᠪᠠ︔ ᠬᠤᠳᠠ ᠠᠴᠠ ᠲᠤᠭᠳᠠᠭᠠᠭᠰᠠᠨ ᠮᠠᠯᠵᠢᠬᠤ | ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠭᠡᠷ ᠪᠠᠷᠢᠯᠭ᠎ᠠ ᠶᠢ ᠥᠭᠡᠷᠡᠴᠢᠯᠡᠬᠦ ᠡᠬᠦᠷᠭᠡ ᠪᠠᠨ ᠪᠦᠬᠦ ᠲᠠᠯ᠎ᠠ ᠪᠠᠷ | ᠪᠡᠶᠡᠯᠡᠬᠦᠯᠵᠤ᠂ ᠨᠡᠶᠢᠬᠡᠮ ᠤᠨ ᠪᠡᠯᠡ ᠴᠤᠭᠯᠠᠭᠤᠯᠤᠨ᠂ ᠤᠯᠠᠨ ᠲᠥᠮᠡᠨ ᠥᠪᠡᠰᠤᠪᠡᠨ ᠬᠤᠷᠠᠮᠳᠤᠭᠤᠯᠬᠤ ᠠᠷᠭ᠎ᠠ ᠪᠠᠷ | 176 ᠤᠨᠴᠠ ᠭᠥᠴᠢᠷᠳᠡᠯ ᠲᠠᠢ ᠡᠷᠦᠭᠡ ᠶᠢᠨ ᠠᠶᠣᠯᠳᠠᠢ ᠬᠠᠭᠤᠴᠢᠨ ᠭᠡᠷ ᠢ ᠰᠢᠨᠡᠳᠭᠡᠪᠡ᠃ 2650 ᠰᠢᠯᠵᠢᠭᠰᠡᠨ | ᠮᠠᠯᠴᠢᠨ ᠲᠠᠷᠢᠶᠠᠴᠢᠳ ᠲᠤ ᠪᠤᠯᠪᠠᠰᠤᠷᠠᠯ ᠭᠥᠷᠳᠡᠭᠡᠵᠥ᠂ ᠥᠢᠯᠡᠰ ᠪᠥᠲᠥᠬᠡᠨ ᠠᠵᠢᠯ ᠤᠯᠬᠤ ᠪᠠᠭ᠎ᠠ ᠲᠤᠭᠠᠲᠤ | ᠳᠠᠭᠠᠯᠳᠠᠳᠤ ᠵᠢᠭᠡᠯᠡᠯᠬᠡ ᠶᠢ 2800 ᠲᠥᠮᠡᠨ ᠲᠦᠬᠦᠷᠢᠭ ᠲᠠᠯᠪᠢᠪᠠ᠃ ︽ᠴᠠᠬᠢᠷᠮ᠎ᠠ ᠴᠢᠳᠠᠪᠤᠷᠢᠳᠠᠳ︾ ᠤᠨ | ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠵᠥ᠂ 325 ᠨᠡᠷ᠎ᠡ ᠲᠤᠰᠬᠠᠢ ᠮᠡᠷᠭᠡᠵᠢᠯᠳᠡᠨ ᠡᠯᠰᠡᠨ ᠭᠡᠷᠡᠭᠯᠡᠵᠣ᠂ ᠥᠨᠳᠥᠷ | ᠲᠡᠰ ᠤᠨ ᠴᠢᠳᠠᠪᠤᠷᠢᠳᠠᠨ ᠢ 43 ᠤᠷᠢᠨ ᠭᠡᠷᠡᠭᠯᠡᠪᠡ᠃ ᠵᠠᠬᠢᠳᠠᠯ ᠰᠤᠷᠪᠤᠯᠵᠢᠯᠠᠭ᠎ᠠ᠂ ᠠᠶᠥᠯᠭᠦᠢ ᠥᠢᠯᠡᠳᠪᠥᠷᠢᠯᠡᠯ᠂ | ᠨᠡᠶᠢᠭᠡᠮ ᠤᠨ ᠠᠮᠤᠷ ᠬᠠᠮᠠᠭᠠᠯᠠᠯᠳᠠ᠂ ᠲᠥᠯᠥᠪᠯᠡᠭᠡ ᠲᠠᠢ ᠪᠠᠷ ᠭᠡᠥᠭᠡᠳ ᠠᠪᠬᠤ ᠵᠡᠷᠭᠡ ᠠᠵᠢᠯ ᠯᠠᠪᠳᠠᠭᠤᠨ ᠠᠬᠢᠵᠤ | ᠭᠥᠭᠵᠢᠯᠳᠡ ᠶᠢᠨ ᠤᠷᠴᠢᠨ ᠨᠠᠶᠢᠷᠠᠮᠳᠠᠨ ᠲᠤᠭᠳᠠᠪᠥᠷᠢᠵᠢᠪᠠ᠃ | 2013 ᠤᠨ ᠳᠤ ᠮᠠᠨ ᠤ ᠬᠤᠰᠢᠭᠤ ᠡᠯ᠎ᠡ ᠲᠠᠯ᠎ᠠ ᠶᠢᠨ ᠭᠥᠴᠢᠷᠳᠡᠯ ᠲᠠᠷᠤᠯᠳᠠ ᠶᠢ ᠢᠯᠠᠵᠤ᠂ ᠪᠥᠭᠦ | ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠥᠢᠯᠡᠰ ᠢ ᠲᠤᠭᠳᠠᠭᠤᠨ ᠢᠶᠠᠷ | ᠭᠥᠭᠵᠢᠭᠦᠯᠪᠡ᠃ ᠭᠡᠭᠦ ᠳᠤ᠂ ᠨᠢᠭᠡ ᠪᠥᠯᠥᠭ ᠭᠥᠴᠢᠷᠳᠠᠯ ᠪᠤᠯᠤᠨ ᠥᠷᠢᠰᠥᠯᠳᠥᠭᠡᠨ ᠪᠢᠳᠡᠠ ᠤ ᠡᠮᠥᠨ᠎ᠡ ᠵᠠᠶᠢᠯᠠᠰᠢ | ᠥᠭᠡᠢ ᠲᠣᠯᠭᠠᠷᠠᠵᠠᠢ᠄ ᠨᠢᠭᠡ ᠳᠤ᠂ ᠠᠵᠤ ᠥᠢᠯᠡᠳᠪᠤᠷᠢ ᠶᠢᠨ ᠲᠤᠮᠤ ᠲᠥᠷᠥᠯ ᠵᠥᠢᠯ ᠤᠨ ᠤᠷᠤᠨᠵᠢᠯᠳᠠ ᠴᠥᠬᠡᠨ᠂ | ᠠᠵᠤ ᠠᠬᠤᠢ ᠶᠢᠨ ᠬᠦᠭᠵᠢᠯᠲᠡ ᠶᠢᠨ ᠲᠠᠶᠢᠴᠢᠯᠠᠬᠤ ᠴᠢᠳᠠᠪᠤᠷᠢ ᠬᠦᠷᠦᠯᠴᠡᠬᠦ ᠥᠬᠡᠢ︔ ᠬᠤᠶᠠᠷ ᠲᠤ᠂ ᠬᠤᠳᠠ | ᠭᠥᠳᠡᠭᠡ ᠶᠢᠨ ᠨᠢᠭᠡᠳᠥᠯᠳᠡᠢ ᠲᠥᠯᠥᠪᠵᠢᠭᠦᠯᠥᠯᠳᠡ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠯᠤᠭ᠎ᠠ | ᠲᠥᠭᠦᠷᠵᠢᠭᠦᠯᠥᠨ ᠲᠤᠬᠢᠷᠠᠭᠤᠯᠤᠭᠰᠠᠨ ᠬᠤᠳᠠ ᠪᠠᠯᠭᠠᠰᠤᠨ ᠤ ᠥᠢᠯᠡᠴᠢᠯᠡᠭᠡᠨ ᠤ ᠴᠢᠳᠠᠪᠬᠢ᠂ ᠤᠯᠠᠨ ᠨᠡᠶᠢᠳᠡ | ᠵᠢᠨᠥᠨᠳᠥᠰᠥᠨ ᠥᠢᠯᠡᠴᠢᠯᠡᠭᠡ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠭᠦ ᠴᠢᠬᠤᠯᠠ ᠲᠠᠢ ᠪᠣᠢ︔ ᠭᠥᠭᠵᠢᠯᠳᠡ | ᠶᠢᠨ ᠤᠷᠴᠢᠨ ᠢ ᠤᠯᠠᠮ ᠰᠢᠯᠢᠳᠡᠭᠵᠢᠭᠦᠯᠵᠥ᠂ ᠴᠠᠬᠢᠯᠭᠠᠨ ᠭᠥᠴᠥᠨ᠂ ᠵᠠᠮ ᠨᠠᠪᠳᠡᠷᠯᠡᠭᠡ ᠵᠡᠷᠭᠡ ᠭᠥᠭᠵᠢᠯᠳᠡ ᠶᠢᠨ | ᠲᠤᠯᠭᠠᠭᠤᠷᠢᠯᠠᠯ ᠠᠰᠠᠭᠤᠳᠠᠯ ᠢ ᠰᠢᠢᠳᠪᠥᠷᠢᠯᠡᠭᠦ ᠴᠢᠬᠤᠯᠠ ᠲᠠᠢ ᠪᠣᠢ᠃ | ᠬᠤᠶᠠᠷ᠂ 2014 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ | ᠭᠤᠤᠯ ᠪᠣᠯᠬᠤ ᠵᠢᠱᠢᠭᠰᠡᠨ ᠬᠠᠷᠠᠯᠳᠠ ᠵᠢᠴᠢ ᠡᠬᠦᠷᠬᠡ | ᠭᠥᠭᠵᠢᠯᠳᠡ ᠶᠢᠨ ᠬᠤᠷᠸ᠎ᠠ ᠤᠷᠴᠢᠨ ᠪᠤᠯᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ | ᠪᠤᠳᠠᠳᠠᠢ ᠲᠠᠢ ᠨᠡᠶᠢᠴᠡᠭᠰᠡᠨ 2014 ᠤᠨ ᠤ ᠪᠦᠬᠦ ᠬᠤᠰᠢᠭᠤᠨ ᠤ ᠤᠯᠣᠰ ᠠᠷᠠᠳ ᠤᠨ ᠠᠵᠤ ᠠᠬᠤᠢ ᠪᠤᠯᠤᠨ | ᠨᠠᠶᠢᠬᠡᠮ ᠤᠨ ᠬᠦᠭᠵᠢᠯᠳᠠ ᠶᠢᠨ ᠭᠤᠤᠯ ᠪᠣᠯᠬᠤ ᠵᠢᠱᠢᠭᠰᠡᠨ ᠬᠠᠷᠠᠯᠳᠠ ᠪᠤᠯ᠄ | — ᠭᠠᠵᠠᠷ ᠤᠷᠤᠨ ᠤ ᠦᠢᠯᠡᠤᠨᠪᠤᠷᠢᠯᠠᠯ ᠤᠨ ᠶᠡᠷᠤᠩᠬᠡᠢ ᠦᠷᠳᠡᠭ ᠢ 135.7 ᠳ᠋ᠦᠩᠰᠢᠭᠤᠷ ᠲᠦᠬᠦᠷᠢᠭ ᠲᠤ | ᠭᠥᠷᠭᠡᠵᠥ᠂ 15% ᠨᠡᠮᠡᠭᠳᠡᠭᠦᠯᠥᠨ᠎ᠡ᠃ | — ᠬᠤᠰᠢᠭᠤ ᠲᠤᠰ ᠱᠠᠳᠤᠨ ᠤ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 12.83 | ᠳ᠋ᠦᠩᠰᠢᠭᠤᠷ ᠲᠦᠬᠦᠷᠢᠭ ᠲᠤ ᠭᠥᠷᠭᠡᠵᠥ᠂ 10% ᠨᠡᠮᠡᠭᠳᠡᠭᠦᠯᠥᠨ᠎ᠡ᠃ | — ᠬᠤᠳᠠ ᠪᠠᠯᠭᠠᠰᠤᠨ ᠤ ᠰᠠᠭᠤᠭᠠᠯᠢ ᠠᠷᠠᠤᠨ ᠤᠨ ᠬᠦᠮᠤᠨ ᠳᠤᠳᠤᠮ ᠤᠨ ᠡᠵᠡᠮᠳᠡᠵᠤ ᠪᠤᠯᠬᠤ ᠤᠷᠤᠯᠭ᠎ᠠ ᠶᠢ | 35650 ᠲᠦᠬᠦᠷᠢᠭ ᠲᠤ ᠬᠦᠷᠬᠡᠵᠤ᠂ 9% ᠪᠠᠷ ᠨᠡᠮᠡᠭᠳᠡᠬᠦᠯᠤᠨ᠎ᠠ᠃ | — ᠮᠠᠯᠴᠢᠨ ᠲᠠᠷᠢᠶᠠᠴᠢᠳ ᠤᠨ ᠬᠦᠮᠤᠨ ᠳᠤᠳᠤᠮ ᠤᠨ ᠴᠡᠪᠡᠷ ᠤᠷᠤᠯᠭ᠎ᠠ ᠶᠢ 14080 ᠲᠦᠬᠦᠷᠢᠭ ᠲᠤ | ᠬᠦᠷᠬᠡᠵᠤ᠂ 10% ᠪᠠᠷ ᠨᠡᠮᠡᠭᠳᠡᠬᠦᠯᠤᠨ᠎ᠠ᠃ | — ᠪᠦᠬᠦ ᠨᠠᠶᠢᠬᠡᠮ ᠤᠨ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 265 ᠳ᠋ᠦᠩᠰᠢᠭᠤᠷ ᠲᠦᠬᠦᠷᠢᠭ | ᠲᠤ ᠬᠦᠷᠬᠡᠵᠤ᠂ 15% ᠪᠠᠷ ᠨᠡᠮᠡᠭᠳᠡᠬᠦᠯᠤᠨ᠎ᠠ᠃ | — ᠨᠡᠶᠢᠬᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ ᠥᠷᠳᠡᠭ ᠢ 18.2 ᠳ᠋ᠥᠩᠰᠢᠭᠤᠷ | ᠲᠦᠭᠦᠷᠢᠭ ᠲᠤ ᠬᠦᠷᠬᠡᠵᠤ᠂ 14% ᠪᠠᠷ ᠨᠡᠮᠡᠭᠳᠡᠬᠦᠯᠤᠨ᠎ᠠ᠃ | ᠳᠡᠬᠡᠷ᠎ᠠ ᠳᠤᠷᠠᠳᠤᠭᠰᠡᠨ ᠬᠠᠷᠠᠯᠳᠠ ᠶᠢᠨ ᠳᠤᠭᠤᠷᠢᠨ ᠳᠤ᠂ 2014 ᠤᠨ ᠤ ᠠᠵᠢᠯ ᠢᠶᠠᠨ ᠰᠠᠶᠢᠳᠤᠷ ᠬᠢᠬᠦ | ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠠ ᠬᠤᠷᠠᠯᠳᠤᠭᠠᠨ᠂ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠤᠨᠬᠢᠮᠵᠢ ᠪᠠ | ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠦᠷᠪᠡᠳᠤᠬᠡᠷ ᠪᠦᠬᠦᠳᠠ ︵ᠦᠷᠬᠡᠤᠨᠬᠡᠭᠰᠡᠨ︶ | ᠬᠤᠷᠠᠯᠳᠤᠭᠠᠨ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ | ᠬᠦᠨᠵᠡᠬᠡᠢ ᠳᠤᠤᠱᠯᠠᠭᠤᠯᠵᠤ᠂ ᠠᠵᠤ ᠥᠢᠯᠡᠳᠪᠤᠷᠢ ᠶᠢᠨ ᠲᠥᠷᠥᠯ ᠵᠥᠢᠯ ᠤᠨ ᠤᠷᠤᠨᠵᠢᠯᠳᠠ ᠶᠢ ᠠᠳᠬᠤᠨ᠂ ᠬᠤᠳᠠ | ᠬᠦᠳᠡᠭᠡ ᠶᠢᠨ ᠴᠤᠭᠴᠠᠵᠢᠭᠰᠠᠨ ᠬᠦᠭᠵᠢᠯᠲᠡ ᠶᠢ ᠠᠬᠢᠭᠤᠯᠵᠤ᠂ ᠳᠤᠷᠰᠢᠯᠳᠠ ᠶᠢᠨ ᠴᠡᠭ ᠤᠨ ᠪᠠᠶᠢᠭᠤᠯᠤᠯᠳᠠ ᠶᠢ | ᠠᠤᠨᠬᠤᠨ᠂ ᠠᠷᠠᠤᠨ ᠤᠨ ᠠᠮᠢᠳᠤᠷᠠᠯ ᠢ ᠥᠷᠬᠦᠯᠵᠢᠯᠡᠨ ᠪᠠᠳᠤᠯᠠᠨ ᠰᠠᠶᠢᠵᠢᠷᠠᠭᠤᠯᠵᠤ᠂ ᠠᠵᠤ ᠠᠬᠤᠢ ᠨᠠᠶᠢᠬᠡᠮ ᠤᠨ | ᠦᠷᠬᠦᠯᠴᠠᠬᠦᠶᠢᠴᠠ ᠡᠷᠡᠬᠦᠯ ᠬᠦᠭᠵᠢᠯᠳᠠ ᠶᠢ ᠠᠬᠢᠭᠤᠯᠬᠤ ᠬᠡᠷᠡᠭᠳᠠᠢ᠃ | ︵ᠨᠢᠭᠡ︶ ᠭᠤᠤᠯᠳᠠᠯᠭ᠎ᠠ ᠶᠢ ᠲᠤᠪᠤᠶᠢᠯᠭᠠᠨ᠂ ᠲᠥᠷᠥᠯ ᠵᠥᠢᠯ ᠤᠨ ᠤᠷᠤᠨᠵᠢᠯᠳᠠ ᠶᠢ ᠴᠢᠩᠭ᠎ᠠ | ᠠᠳᠬᠤᠨ᠎ᠠ᠃᠂ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠵᠤ᠂ ᠪᠤᠬᠢᠷᠳᠤᠯ ᠦᠬᠡᠢ ᠡᠨᠧᠷᠬᠢ | ᠶᠢᠨ ᠤᠶᠢᠯᠡᠰ ᠢ ᠬᠦᠭᠵᠢᠬᠦᠯᠬᠦ ᠪᠠ ᠦᠪᠡᠷᠳᠡᠬᠡᠨ ᠵᠠᠰᠠᠬᠤ ᠤᠷᠤᠨ ᠤ ︽ᠳᠠᠪᠤᠨ ᠶᠡᠭᠡ ᠰᠠᠭᠤᠷᠢᠨ ᠭᠠᠵᠠᠷ︾ ᠢ | ᠪᠠᠶᠢᠭᠤᠯᠬᠤ ᠳᠤᠬᠢᠶᠠᠯ ᠢ ᠴᠢᠩᠭ᠎ᠠ ᠡᠵᠡᠮᠳᠡᠵᠤ᠂ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠠᠵᠤ ᠤᠶᠢᠯᠡᠤᠨᠪᠤᠷᠢ | ᠶᠢᠨ ᠰᠠᠭᠤᠷᠢᠨ ᠭᠠᠵᠠᠷ ᠢᠶᠠᠷ ᠠᠴᠢᠶᠠᠯᠠᠭᠴᠢ ᠪᠤᠯᠭᠠᠵᠤ᠂ ᠪᠤᠬᠢᠷᠳᠤᠯ ᠦᠬᠡᠢ ᠡᠨᠧᠷᠬᠢ ᠪᠠ ᠤᠳᠤᠬᠢᠴᠢᠯᠠᠭᠰᠡᠨ | ᠨᠡᠬᠦᠷᠡᠰᠤ ᠬᠢᠮᠢ ᠶᠢᠨ ᠠᠵᠤ ᠤᠶᠢᠯᠡᠤᠨᠪᠤᠷᠢ ᠶᠢᠨ ᠤᠶᠢᠯᠡᠰ ᠢ ᠶᠡᠬᠡᠪᠡᠷ ᠬᠦᠭᠵᠢᠬᠦᠯᠵᠤ᠂ ᠡᠬᠢ ᠪᠠᠶᠠᠯᠢᠭ ᠤᠨ | ᠲᠠᠪᠠᠭᠤᠯᠢᠭ ᠢ ᠠᠵᠣ ᠠᠬᠤᠢ ᠶᠢᠨ ᠲᠠᠪᠠᠭᠤᠯᠢᠭ ᠪᠣᠯᠭᠠᠬᠤ ᠶᠢ ᠠᠬᠢᠭᠤᠯᠣᠨ᠎ᠠ᠃ ᠱᠢ ᠳ᠋ᠠ ᠪᠤᠬᠢᠷᠳᠤᠯ ᠦᠬᠡᠢ | ᠡᠨᠧᠷᠬᠢ ᠶᠢᠨ 2×20 ᠲᠦᠮᠡᠨ ᠳᠤᠨ LNG ᠶᠢᠨ ᠨᠢᠬᠡᠳᠣᠬᠡᠷ ᠬᠤᠭᠤᠴᠠᠭ᠎ᠠ᠂ ᠰᠧᠨ ᠲᠠᠢ ᠶᠢᠨ 2×20 | ᠲᠦᠮᠡᠨ ᠳᠤᠨ ᠤ LNG ᠶᠢᠨ ᠨᠢᠬᠡᠳᠤᠬᠡᠷ ᠬᠤᠭᠤᠴᠠᠭ᠎ᠠ᠂ ᠨᠡᠭᠦᠷᠡᠰᠤ ᠬᠡᠤᠷᠰᠢᠬᠦᠯᠬᠦ ᠤᠯᠠᠨ ᠬᠤᠯᠪᠤᠭᠠᠲᠤ | ᠥᠢᠯᠡᠳᠪᠤᠷᠢᠯᠡᠯ ᠤᠨ ᠬᠤᠶᠠᠳᠤᠭᠠᠷ ᠬᠤᠭᠤᠴᠠᠭ᠎ᠠ᠂ ᠬᠠᠭᠤᠷᠠᠢ ᠪᠠᠷ ᠬᠦᠷᠦᠭᠡᠬᠦ ᠬᠡᠤᠷᠰᠤᠨ ᠢᠯᠴᠢ ᠪᠠᠷ ᠴᠠᠬᠢᠯᠭᠠᠨ | ᠭᠠᠷᠭᠠᠬᠤ᠂ ᠨᠡᠬᠦᠷᠡᠰᠤᠨ ᠬᠡᠢ ᠪᠠᠷ ᠮᠧᠲ᠋ᠠᠨ ᠤᠶᠢᠯᠡᠤᠨᠪᠤᠷᠢᠯᠡᠬᠦ ᠵᠡᠷᠬᠡ ᠲᠦᠷᠤᠯ ᠵᠦᠢᠯ ᠢ ᠴᠢᠷᠮᠠᠶᠢᠨ ᠪᠠᠶᠢᠭᠤᠯᠤᠨ | ᠬᠡᠷᠡᠭᠯᠡᠯᠳᠠ ᠳᠤ ᠤᠷᠤᠭᠤᠯᠵᠤ᠂ ᠵᠢᠤ ᠲᠠᠢ ᠶᠢᠨ ᠨᠢᠬᠡ ᠴᠤᠭᠴᠠᠵᠢᠭᠰᠡᠨ ᠨᠡᠬᠦᠷᠡᠰᠤ ᠬᠢᠮᠢ ᠶᠢᠨ ᠥᠢᠯᠡᠳᠪᠥᠷᠢᠯᠡᠯ᠂ | ᠬᠤᠸᠠ ᠰᠢᠩ ᠤᠨ 40 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠬᠦᠷᠡᠰᠤ ᠪᠠᠷ ᠰᠢᠳᠠᠮᠠᠬᠠᠢ ᠬᠡᠢ | ᠥᠢᠯᠡᠳᠭᠦ ᠵᠡᠷᠬᠡ ᠲᠦᠷᠤᠯ ᠵᠦᠢᠯ ᠢ ᠡᠬᠢᠯᠡᠨ ᠪᠠᠶᠢᠭᠤᠯᠵᠤ᠂ ᠪᠠᠯᠠᠩ ᠨᠡᠬᠦᠷᠡᠰᠤᠨ ᠠᠭᠤᠷᠬᠠᠢ᠂ ᠠᠷᠤ | ᠬᠠᠷᠴᠠᠭᠠᠢ ᠱᠧᠨ ᠬᠤᠸᠠ ᠶᠢᠨ ᠤᠯᠤᠰ ᠤᠨ ᠡᠨᠧᠷᠬᠢ᠂ ᠤᠯᠤᠰ ᠤᠨ ᠴᠠᠬᠢᠯᠭᠠᠨ ᠤ ᠱᠤᠸᠠᠩ ᠸᠧᠢ᠂ ᠪᠸᠢ ᠹᠠᠩ | ᠤᠨ ᠴᠠᠬᠢᠯᠭᠠᠨ ᠡᠨᠧᠷᠬᠢ ᠶᠢᠨ ᠭᠤᠷᠪᠠᠨ ᠠᠩᠬᠢ 2×100 ᠲᠦᠮᠡᠨ ᠺᠢᠯᠤᠸᠠᠲ ᠤᠨ ᠨᠡᠭᠦᠷᠡᠰᠥᠨ ᠴᠠᠬᠢᠯᠭᠠᠨ᠂ | ᠱᠧᠩ ᠯᠤ᠋ ᠶᠢᠨ ᠡᠨᠧᠷᠬᠢ ᠬᠢᠮᠢ ᠶᠢᠨ 4×100 ᠲᠦᠮᠡᠨ ᠺᠢᠯᠤᠸᠠᠲ ᠤᠨ ᠴᠠᠬᠢᠯᠭᠠᠨ ᠤᠶᠢᠯᠡᠤᠨᠪᠤᠷᠢ ᠵᠡᠷᠬᠡ | ᠲᠦᠷᠤᠯ ᠵᠦᠢᠯ ᠤᠨ ᠵᠦᠪᠰᠢᠶᠡᠷᠡᠯ ᠤᠨ ᠠᠬᠢᠴᠠ ᠶᠢ ᠲᠥᠷᠭᠡᠳᠬᠡᠵᠤ᠂ ᠺᠧ ᠰᠧ ᠶᠢᠨ LNG᠂ ᠲᠢᠶᠠᠨ ᠯᠢ ᠹᠧᠩ | ᠤᠨ LNG ᠵᠡᠷᠬᠡ ᠲᠦᠷᠤᠯ ᠵᠦᠢᠯ ᠤᠨ ᠪᠠᠷᠢᠯᠭ᠎ᠠ ᠡᠬᠢᠯᠡᠭᠦᠯᠭᠦ ᠨᠦᠬᠦᠴᠡᠯ ᠢ ᠴᠢᠷᠮᠠᠶᠢᠨ ᠪᠥᠷᠢᠯᠳᠥᠭᠦᠯᠵᠥ᠂ | ᠴᠠᠬᠢᠯᠭᠠᠨ ᠤᠶᠢᠯᠡᠤᠨᠪᠤᠷᠢ ᠶᠢᠨ ᠤᠷᠤᠨᠵᠢᠭᠤᠯᠤᠯᠳᠠ ᠶᠢᠨ ᠬᠡᠪᠴᠢᠶ᠎ᠠ ᠶᠢ 400 ᠲᠦᠮᠡᠨ ᠺᠢᠯᠤᠸᠠᠲ᠂ ᠨᠡᠬᠦᠷᠡᠰᠤᠨ | ᠭᠠᠷᠤᠯᠳᠠ ᠶᠢ 2000 ᠲᠦᠮᠡᠨ ᠳᠤᠨ ᠳᠠᠪᠠᠭᠤᠯᠵᠤ᠂ ᠰᠢᠳᠠᠮᠠᠬᠠᠢ ᠬᠡᠢ ᠶᠢᠨ ᠭᠠᠷᠤᠯᠳᠠ ᠶᠢ 55 ᠳ᠋ᠦᠩᠰᠢᠭᠤᠷ | ᠪᠤᠰᠤᠭ᠎ᠠ ᠲᠦᠷᠪᠡᠯᠵᠢᠨ ᠮᠧᠲᠷ ᠲᠤ ᠬᠦᠷᠬᠡᠨ᠎ᠠ᠃ | ︵ᠬᠤᠶᠠᠷ︶ ᠪᠦᠳᠤᠮᠵᠢ ᠶᠢ ᠲᠤᠪᠤᠶᠢᠯᠭᠠᠨ᠂ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ | ᠠᠬᠢᠭᠤᠯᠤᠨ᠎ᠠ᠃ ︽ᠪᠠᠶᠢᠭᠤᠯᠵᠤ ᠬᠠᠮᠢᠶᠠᠷᠬᠤ ᠶᠢ ᠬᠠᠮᠲᠤ ᠴᠢᠬᠤᠯᠠᠴᠢᠯᠠᠵᠤ᠂ ᠤᠨᠴᠠᠯᠢᠭ ᠢ ᠨᠢ ᠲᠤᠪᠤᠶᠢᠯᠭᠠᠬᠤ︾ ᠶᠢ | ᠪᠠᠷᠢᠮᠳᠠᠯᠠᠵᠤ᠂ ᠬᠦᠷᠢᠶᠡᠯᠡᠩ ᠳᠤᠭᠤᠷᠢᠭ᠂ ᠬᠤᠳᠠ ᠪᠠᠯᠭᠠᠰᠤ ᠶᠢᠨ ᠨᠢᠬᠡ ᠴᠤᠭᠴᠠᠵᠢᠭᠰᠡᠨ ᠬᠦᠭᠵᠢᠯᠳᠠ ᠶᠢ | ᠠᠬᠢᠭᠤᠯᠵᠤ᠂ ᠠᠮᠢᠳᠤᠷᠠᠯ ᠤᠨ ᠤᠶᠢᠯᠡᠴᠢᠯᠡᠬᠡᠨ ᠤ ᠲᠦᠬᠦᠬᠡᠷᠤᠮᠵᠢ ᠶᠢᠨ ᠪᠠᠶᠢᠭᠤᠯᠤᠯᠳᠠ ᠶᠢ ᠳᠡᠬᠦᠯᠳᠡᠷᠵᠢᠬᠦᠯᠵᠤ᠂ | ᠬᠤᠳᠠ ᠪᠠᠯᠭᠠᠰᠤ᠂ ᠬᠦᠷᠢᠶᠡᠯᠠᠩ ᠳᠤᠭᠤᠷᠢᠭ ᠤᠨ ᠬᠦᠭᠵᠢᠯᠳᠠ ᠶᠢᠨ ᠲᠦᠪᠰᠢᠨ ᠢ ᠤᠯᠠᠮ ᠳᠡᠬᠡᠭᠰᠢᠯᠡᠬᠦᠯᠤᠨ᠎ᠠ᠃ | ᠤᠯᠵᠠᠴᠢ ᠶᠢᠨ ᠵᠡᠬᠦᠨ ᠭᠠᠷᠬᠤ ᠵᠠᠮ᠂ ᠡᠮᠤᠨ᠎ᠠ ᠭᠠᠷᠬᠤ ᠵᠠᠮ ᠪᠠ ᠬᠤᠳᠠ ᠪᠠᠯᠭᠠᠰᠤᠨ ᠤ ᠨᠤᠭᠤᠭᠠᠵᠢᠭᠤᠯᠤᠯᠳᠠ ᠶᠢ | ᠢᠳᠡᠪᠬᠢᠲᠡᠢ ᠠᠬᠢᠭᠤᠯᠵᠤ᠂ ᠤᠷᠤᠰᠢᠨ ᠰᠠᠭᠤᠬᠤ ᠤᠷᠴᠢᠨ ᠢ ᠰᠢᠯᠢᠳᠡᠭᠵᠢᠬᠦᠯᠤᠨ᠎ᠠ᠃ ᠱᠠᠩᠬᠠᠢ ᠶᠢᠨ ᠰᠥᠮ᠎ᠠ | ᠪᠠᠯᠭᠠᠰᠤᠨ ᠤ ᠭᠤᠤᠯᠳᠠᠯᠭᠠᠲᠤ ᠬᠤᠳᠠᠯᠳᠤᠭᠠᠨ ᠤ ᠲᠤᠭᠤᠷᠢᠭ᠂ ᠠᠵᠤ ᠠᠬᠤᠶᠢᠯᠠᠯ ᠤᠨ ᠤᠷᠤᠨ ᠰᠠᠭᠤᠴᠠ ᠶᠢᠨ | ᠲᠤᠭᠤᠷᠢᠭ᠂ ᠪᠤᠵᠠᠷ ᠤᠰᠤ ᠰᠢᠢᠳᠪᠤᠷᠢᠯᠡᠬᠦ ᠥᠢᠯᠡᠳᠪᠤᠷᠢ᠂ ᠠᠮᠢᠳᠤᠷᠠᠯ ᠤᠨ ᠬᠤᠭ ᠨᠤᠪᠰᠢ ᠶᠢ ᠬᠦᠨᠥᠭᠡᠯ ᠥᠬᠡᠢ | ᠰᠢᠢᠳᠪᠤᠷᠢᠯᠡᠬᠦ ᠵᠡᠷᠬᠡ ᠲᠦᠷᠤᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ ᠠᠭᠤᠷᠬᠠᠢ ᠶᠢᠨ ᠤᠷᠤᠨ ᠤ | ᠨᠤᠭᠤᠭᠠᠵᠢᠭᠤᠯᠤᠯᠳᠠ ᠵᠢᠴᠢ ᠬᠤᠳᠠ ᠪᠠᠯᠭᠠᠰᠤᠨ ᠤ ᠬᠡᠷᠡᠯᠳᠤᠬᠦᠯᠬᠡ ᠵᠡᠷᠬᠡ ᠢᠨᠵᠧᠨᠧᠷᠢᠩ ᠢ ᠬᠡᠷᠡᠭᠵᠢᠬᠦᠯᠵᠤ᠂ | ᠬᠤᠳᠠ ᠪᠠᠯᠭᠠᠰᠤᠨ ᠤ ᠴᠢᠳᠠᠪᠬᠢ ᠶᠢ ᠳᠡᠬᠦᠯᠳᠡᠷᠵᠢᠬᠦᠯᠤᠨ᠎ᠠ᠃ ᠨᠠᠩᠰᠤ ᠪᠠᠯᠭᠠᠰᠤ ᠪᠠ ᠪᠤᠷᠤᠪᠠᠯᠭᠠᠰᠤ ᠨᠢ ᠬᠦᠭᠵᠢᠯᠳᠠ | ᠶᠢᠨ ᠳᠠᠪᠠᠭᠤᠯᠢᠭ ᠲᠤ ᠪᠠᠨ ᠲᠦᠰᠢᠭᠯᠡᠨ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠬᠢᠴᠠ ᠶᠢ ᠲᠦᠷᠬᠡᠤᠨᠬᠡᠨ᠎ᠠ︔ | ᠰᠢᠨ᠎ᠠ ᠮᠠᠶ᠋ᠢᠭ ᠤᠨ ᠠᠶᠢᠯ ᠳᠤᠰᠬᠤᠨ ᠤ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠵᠤ᠂ ᠨᠤᠭᠤᠭᠠᠵᠢᠭᠤᠯᠤᠯᠳᠠ᠂ | ᠤᠰᠤ᠂ ᠴᠠᠬᠢᠯᠭᠠᠨ᠂ ᠳᠤᠯᠠᠭᠠᠯᠠᠮᠵᠢ ᠵᠡᠷᠬᠡ ᠲᠦᠬᠦᠷᠴᠢᠯᠡᠭᠰᠡᠨ ᠲᠦᠬᠦᠬᠡᠷᠤᠮᠵᠢ ᠶᠢ ᠳᠡᠬᠦᠯᠳᠡᠷᠵᠢᠬᠦᠯᠵᠤ᠂ | ᠤᠶᠢᠯᠡᠴᠢᠯᠡᠬᠡᠨ ᠤ ᠴᠢᠳᠠᠪᠤᠷᠢ ᠶᠢ ᠳᠡᠬᠡᠭᠰᠢᠯᠡᠬᠦᠯᠤᠨ᠎ᠠ᠃ ᠭᠠᠴᠠᠭ᠎ᠠ ᠳᠤᠰᠬᠤᠨ ᠴᠡᠭᠴᠡᠵᠢᠭᠦᠯᠭᠦ᠂ ᠬᠦᠮᠤᠨ ᠠᠮᠠ ᠶᠢ | ᠰᠢᠯᠵᠢᠭᠦᠯᠭᠦ ᠵᠡᠷᠬᠡ ᠠᠵᠢᠯ ᠢ ᠡᠮᠬᠢᠳᠠᠢ ᠠᠬᠢᠭᠤᠯᠵᠤ᠂ ᠬᠤᠳᠠ ᠭᠥᠳᠡᠭᠡ ᠶᠢᠨ ᠡᠬᠢ ᠪᠠᠶᠠᠯᠢᠭ ᠢ ᠰᠢᠯᠢᠳᠡᠭᠵᠢᠭᠦᠯᠥᠨ | ᠲᠤᠬᠢᠷᠠᠭᠤᠯᠤᠨ᠎ᠠ᠃ ᠤᠰᠤ ᠡᠯᠪᠡᠭ ᠤᠷᠤᠨ᠂ ᠮᠠᠯᠵᠢᠬᠤ ᠤᠷᠤᠨ᠂ ᠰᠢᠨ᠎ᠠ ᠮᠠᠶ᠋ᠢᠭ ᠤᠨ ᠠᠶᠢᠯ ᠳᠤᠰᠬᠤᠨ ᠵᠡᠷᠬᠡ | ᠭᠠᠵᠠᠷ ᠤᠷᠤᠨ ᠤ ᠠᠵᠤ ᠤᠶᠢᠯᠡᠰ ᠤᠨ ᠳᠤᠯᠭᠠᠭᠤᠷᠢᠯᠠᠯ ᠬᠦᠴᠤᠨ ᠢ ᠴᠢᠩᠭᠠᠤᠨᠬᠠᠵᠤ᠂ ᠨᠡᠷᠡᠳᠤ ᠳᠡᠮᠳᠡᠭᠵᠢᠭᠰᠡᠨ᠂ | ᠬᠡᠪᠴᠢᠶᠡᠵᠢᠭᠰᠡᠨ ᠮᠠᠯ ᠳᠠᠷᠢᠶᠠᠯᠠᠩ ᠢ ᠭᠥᠴᠥᠷᠭᠡᠭᠵᠢᠭᠦᠯᠵᠥ᠂ ᠤᠨᠴᠠᠯᠢᠭᠳᠤ ᠳᠠᠷᠢᠵᠤ ᠳᠡᠵᠢᠬᠡᠬᠦ ᠤᠶᠢᠯᠡᠰ ᠢ ᠰᠠᠶᠢᠳᠤᠷ | ᠬᠢᠵᠤ᠂ ᠮᠠᠯ ᠳᠠᠷᠢᠶᠠᠯᠠᠩ ᠤᠨ ᠤᠶᠢᠯᠡᠰ ᠤᠨ ᠤᠳᠤᠬᠢᠴᠢᠯᠠᠭᠰᠡᠨ ᠤᠶᠢᠯᠡᠤᠨᠪᠤᠷᠢᠯᠡᠯ ᠤᠨ ᠲᠦᠬᠦᠬᠡᠷᠤᠮᠵᠢ ᠶᠢᠨ | ᠲᠦᠪᠰᠢᠨ ᠢ ᠳᠡᠬᠡᠭᠰᠢᠯᠡᠬᠦᠯᠵᠤ᠂ ᠰᠢᠨᠵᠢᠯᠡᠭᠡ ᠮᠡᠷᠭᠡᠵᠢᠯ᠂ ᠳᠤᠰᠬᠠᠢ ᠬᠠᠮᠳᠤᠷᠠᠯ ᠵᠤᠬᠢᠶᠠᠨ ᠪᠠᠶᠢᠭᠤᠯᠤᠯᠳᠠ ᠵᠡᠷᠬᠡ | ᠤᠶᠢᠯᠡᠤᠨᠪᠤᠷᠢᠯᠡᠬᠦ ᠬᠠᠩᠭᠠᠬᠤ ᠪᠤᠷᠤᠯᠠᠭᠤᠯᠬᠤ ᠡᠯ᠎ᠡ ᠭᠤᠭᠴᠤᠭᠠᠨ ᠤ ᠤᠶᠢᠯᠡᠴᠢᠯᠡᠬᠡᠨ ᠤ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠤᠨᠬᠠᠵᠤ᠂ ᠮᠠᠯ ᠳᠠᠷᠢᠶᠠᠯᠠᠩ ᠤᠨ ᠬᠦᠭᠵᠢᠯᠳᠠ ᠶᠢᠨ ᠥᠷ᠎ᠡ ᠠᠰᠢᠭ ᠢ ᠳᠡᠬᠡᠭᠰᠢᠯᠡᠬᠦᠯᠤᠨ᠎ᠠ᠃ | 2 ᠲᠦᠮᠡᠨ ᠮᠤ᠋ ᠶᠢᠨ ᠤᠳᠤ ᠦᠶ᠎ᠡ ᠶᠢᠨ ᠳᠠᠷᠢᠶᠠᠯᠠᠩ ᠤᠨ ᠰᠠᠭᠤᠷᠢᠨ ᠭᠠᠵᠠᠷ ᠢ ᠰᠢᠨ᠎ᠠ ᠪᠠᠷ ᠪᠠᠶᠢᠭᠤᠯᠵᠤ᠂ | 2000 ᠳᠤᠯᠤᠭᠠᠢ ᠠᠴᠠ ᠲᠡᠭᠡᠭᠰᠢ ᠠᠯᠠᠰᠢᠨ ᠮᠠᠯ ᠳᠡᠵᠢᠬᠡᠨ ᠦᠷᠡᠵᠢᠬᠦᠯᠬᠦ ᠬᠡᠪᠴᠢᠶᠡᠵᠢᠯ ᠬᠦᠷᠢᠶᠡᠯᠠᠩ ᠢ 3 | ᠪᠠᠶᠢᠭᠤᠯᠵᠤ ᠂ 800 ᠳᠤᠯᠤᠭᠠᠢ ᠠᠴᠠ ᠲᠡᠭᠡᠭᠰᠢ ᠠᠯᠠᠰᠢᠨ ᠮᠠᠯ ᠳᠡᠵᠢᠬᠡᠨ ᠦᠷᠡᠵᠢᠬᠦᠯᠬᠦ ᠶᠡᠭᠡ ᠡᠷᠤᠬᠡ ᠶᠢ 120 | ᠭᠥᠭᠵᠢᠭᠦᠯᠥᠨ᠎ᠡ᠃ | ︵ᠭᠤᠷᠪᠠ︶ ᠠᠮᠢᠳᠤᠯᠢᠭ ᠬᠦᠴᠤᠨ ᠢ ᠬᠦᠭᠵᠢᠬᠡᠵᠤ᠂ ᠭᠤᠷᠪᠠᠳᠤᠭᠠᠷ ᠠᠵᠤ ᠤᠶᠢᠯᠡᠰ ᠤᠨ ᠲᠦᠪᠰᠢᠨ ᠢ | ᠳᠡᠬᠡᠭᠰᠢᠯᠡᠬᠦᠯᠤᠨ᠎ᠠ᠃ ᠤᠷᠳᠤᠰ ᠤᠨ ᠦᠵᠡᠮᠵᠢ ᠶᠢᠨ ᠵᠠᠮ ᠱᠤᠭᠤᠮ ᠤᠨ ᠪᠠᠶᠢᠭᠤᠯᠤᠯᠳᠠ ᠶᠢ ᠲᠦᠷᠬᠡᠤᠨᠬᠡᠵᠤ᠂ ᠶᠡᠭᠡ | ᠳᠤᠯᠤᠨ᠂ ᠱᠠᠩᠬᠠᠢ ᠶᠢᠨ ᠰᠦᠮ᠎ᠠ ᠶᠢᠨ ᠨᠠᠷᠬᠢᠶᠠᠨᠳᠤ ᠳᠠᠯ᠎ᠠ ᠨᠤᠳᠤᠭ ᠵᠡᠷᠬᠡ ᠦᠵᠡᠮᠵᠢ ᠶᠢᠨ ᠤᠷᠤᠨ ᠤ | ᠲᠦᠬᠦᠷᠴᠢᠯᠡᠭᠰᠡᠨ ᠰᠠᠭᠤᠷᠢ ᠲᠦᠬᠦᠬᠡᠷᠤᠮᠵᠢ ᠶᠢ ᠳᠡᠬᠦᠯᠳᠡᠷᠵᠢᠬᠦᠯᠵᠤ᠂ ᠤᠷᠳᠤᠰ ᠤᠨ ᠰᠤᠶᠤᠯ ᠵᠢᠭᠤᠯᠴᠢᠯᠠᠯ ᠤᠨ | ᠳᠤᠰᠬᠤᠨ᠂ ᠶᠡᠭᠡ ᠬᠠᠭᠠᠨ ᠤ ᠶᠠᠪᠤᠭᠤᠯ ᠤᠷᠳᠤᠨ ᠵᠡᠷᠬᠡ ᠦᠵᠡᠮᠵᠢ ᠶᠢᠨ ᠤᠷᠤᠨ ᠤ ᠭᠥᠯᠢᠶᠡᠨ ᠵᠤᠴᠢᠯᠠᠬᠤ | ᠴᠢᠳᠠᠪᠤᠷᠢ ᠶᠢ ᠳᠡᠬᠡᠭᠰᠢᠯᠡᠬᠦᠯᠵᠤ᠂ ᠱᠠᠩᠬᠠᠢ ᠶᠢᠨ ᠰᠦᠮ᠎ᠠ ᠶᠢᠨ ᠵᠢᠭᠤᠯᠴᠢᠯᠠᠯ ᠤᠨ ᠬᠠᠮ ᠴᠤᠭᠴᠠ ᠶᠢ ᠢᠷᠭᠠᠢ ᠶᠢᠨ | ᠪᠢᠨ ᠾᠧ ᠰᠢᠨ᠎ᠠ ᠳᠤᠭᠤᠷᠢᠭ ᠤᠨ ︽ᠪᠦᠬᠦ ᠴᠠᠷᠭ᠎ᠠ ᠶᠢᠨ 5A ᠳᠡᠰ ᠤᠨ ᠦᠵᠡᠮᠵᠢ ᠶᠢᠨ ᠤᠷᠤᠨ︾ ᠲᠠᠢ | ᠠᠭᠤᠰᠬᠠᠵᠤ᠂ ᠨᠢᠩᠰᠢᠶᠠ ᠵᠡᠷᠬᠡ ᠪᠠᠷᠠᠭᠤᠨ ᠤᠷᠤᠨ ᠤ ᠮᠤᠵᠢ ᠤᠷᠤᠨ ᠤ ᠰᠤᠶᠤᠯ ᠵᠢᠭᠤᠯᠴᠢᠯᠠᠯ ᠤᠨ ᠤᠶᠢᠯᠡᠰ ᠲᠠᠢ | ᠬᠠᠷᠢᠯᠴᠠᠨ ᠠᠭᠤᠰᠤᠯᠴᠠᠵᠤ᠂ ᠵᠢᠭᠤᠯᠴᠢᠯᠠᠯ ᠤᠨ ᠬᠦᠭᠵᠢᠯᠳᠠ ᠶᠢᠨ ᠶᠡᠭᠡ ᠪᠦᠳᠤᠴᠠ ᠶᠢ ᠪᠤᠢ ᠪᠤᠯᠭᠠᠨ᠎ᠠ᠃ ᠰᠤᠶᠤᠯ | ᠤᠷᠠᠯᠢᠭ ᠤᠨ ᠳᠤᠭᠯᠠᠯᠳᠠ ᠶᠢᠨ ᠤᠶᠢᠯᠡᠰ ᠢ ᠬᠦᠭᠵᠢᠬᠦᠯᠵᠤ᠂ ᠨᠢᠬᠡ ᠪᠦᠯᠦᠭ ᠰᠤᠶᠤᠯ ᠵᠢᠭᠤᠯᠴᠢᠯᠠᠯ ᠤᠨ ᠰᠤᠳᠤᠨ | ᠪᠦᠳᠤᠬᠡᠯ ᠢ ᠲᠦᠪᠯᠡᠷᠡᠩᠬᠦᠢ ᠪᠥᠳᠥᠭᠡᠵᠥ᠂ ᠳᠠᠬᠢᠯᠭ᠎ᠠ ᠶᠢᠨ ᠰᠤᠶᠤᠯ᠂ ᠬᠤᠷᠢᠮ ᠤᠨ ᠰᠤᠶᠤᠯ᠂ ᠠᠳᠤᠭᠤᠨ ᠰᠤᠶᠤᠯ | ᠢᠶᠠᠷ ᠤᠨᠴᠠᠯᠢᠭ ᠪᠤᠯᠭᠠᠭᠰᠡᠨ ᠵᠢᠭᠤᠯᠴᠢᠯᠠᠯ ᠤᠨ ᠰᠤᠶᠤᠯ ᠤᠨ ᠨᠡᠷᠡᠳᠤ ᠳᠡᠮᠳᠡᠭ ᠶᠢ ᠲᠦᠰᠤᠪᠯᠡᠨ ᠡᠭᠦᠳᠴᠤ᠂ | ᠰᠤᠶᠤᠯ ᠵᠢᠭᠤᠯᠴᠢᠯᠠᠯ ᠤᠨ ᠤᠶᠢᠯᠡᠰ ᠤᠨ ᠬᠦᠭᠵᠢᠯᠳᠠ ᠶᠢᠨ ᠲᠡᠰ ᠲᠦᠪᠰᠢᠨ ᠢ ᠳᠡᠬᠡᠭᠰᠢᠯᠡᠬᠦᠯᠤᠨ᠎ᠠ᠃ ᠰᠤᠶᠤᠯ ᠤᠨ | ᠠᠵᠤ ᠤᠶᠢᠯᠡᠰ ᠤᠨ ᠬᠦᠷᠢᠶᠡᠯᠡᠩ ᠢ ᠠᠰᠢᠭᠯᠠᠯᠳᠠ ᠳᠤ ᠤᠷᠤᠭᠤᠯᠵᠤ᠂ ᠦᠷᠢᠰᠤᠯᠳᠤᠬᠦ ᠬᠦᠴᠤᠨ ᠴᠢᠩᠭ᠎ᠠ᠂ ᠪᠤᠳᠠᠳᠤ | ᠬᠦᠴᠤᠨ ᠲᠠᠢ ᠠᠵᠤ ᠠᠬᠤᠶᠢᠯᠠᠯ ᠢ ᠤᠷᠢᠨ ᠨᠡᠭᠡᠭᠡᠯᠳᠡ ᠬᠢᠯᠭᠡᠵᠥ᠂ ᠦᠨᠳᠤᠰᠤᠳᠠᠨ ᠤ ᠭᠠᠷ ᠤᠷᠠᠯᠠᠯ ᠤᠨ | ᠪᠦᠳᠤᠬᠡᠭᠳᠡᠬᠦᠨ ᠢᠶᠠᠷ ᠭᠤᠤᠯ ᠪᠤᠯᠭᠠᠭᠰᠡᠨ ᠦᠨᠳᠤᠰᠤᠳᠠᠨ ᠤ ᠤᠨᠴᠠᠯᠢᠭᠳᠤ ᠠᠵᠤ ᠤᠶᠢᠯᠡᠰ ᠤᠨ ᠬᠦᠭᠵᠢᠯᠳᠠ ᠶᠢ | ᠠᠬᠢᠭᠤᠯᠵᠤ᠂ ᠤᠶᠢᠯᠡᠰ ᠪᠥᠳᠥᠭᠡᠯᠭᠡᠨ ᠠᠵᠢᠯ ᠤᠯᠭᠤᠬᠤ ᠶᠢ ᠳᠡᠮᠵᠢᠬᠦ ᠴᠢᠳᠠᠪᠤᠷᠢ ᠶᠢ ᠳᠡᠬᠡᠭᠰᠢᠯᠡᠬᠦᠯᠤᠨ᠎ᠠ᠃ | ᠮᠦᠩᠬᠦᠨ ᠬᠦᠢᠯᠬᠡᠬᠡ᠂ ᠪᠤᠳᠠᠰ ᠤᠨ ᠬᠦᠢᠯᠭᠡᠭᠡ᠂ ᠭᠡᠷ ᠤᠨ ᠶᠠᠪᠤᠳᠠᠯ ᠤᠨ ᠤᠶᠢᠯᠡᠴᠢᠯᠡᠭᠡ᠂ ᠡᠷᠡᠬᠦᠯ ᠨᠠᠰᠤᠵᠢᠯ ᠵᠡᠷᠬᠡ | ᠤᠶᠢᠯᠡᠰ ᠢ ᠶᠡᠬᠡᠪᠡᠷ ᠬᠦᠭᠵᠢᠬᠦᠯᠵᠤ᠂ ᠬᠡᠷᠡᠭᠯᠡᠬᠡᠨ ᠤ ᠤᠷᠴᠢᠨ ᠢ ᠰᠢᠯᠢᠳᠡᠭᠵᠢᠬᠦᠯᠤᠨ᠂ ᠤᠶᠢᠯᠡᠴᠢᠯᠡᠬᠡᠨ ᠤ ᠤᠶᠢᠯᠡᠰ | ᠤᠨ ᠬᠦᠭᠵᠢᠯᠳᠠ ᠶᠢᠨ ᠴᠢᠨᠠᠷ ᠪᠠ ᠲᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ | ︵ᠲᠦᠷᠪᠠ︶ ᠲᠤᠯᠭᠠᠭᠤᠷᠢᠯᠠᠯ ᠢ ᠴᠢᠩᠭᠠᠳᠬᠠᠵᠤ᠂ ᠭᠥᠭᠵᠢᠯᠳᠡ ᠶᠢᠨ ᠰᠠᠭᠤᠷᠢ ᠶᠢ ᠪᠠᠬᠢᠵᠢᠬᠦᠯᠤᠨ᠎ᠠ᠃ | ᠪᠡᠯᠴᠢᠬᠡᠷᠯᠡᠬᠦ ᠶᠢ ᠬᠤᠷᠢᠭᠯᠠᠬᠤ᠂ ᠰᠡᠯᠬᠦᠨ ᠮᠠᠯᠵᠢᠬᠤ᠂ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠤᠯᠤᠭᠠᠢ | ᠲᠤᠭᠳᠠᠭᠠᠬᠤ ᠵᠡᠷᠬᠡ ᠲᠥᠷᠥ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠪᠡᠭᠡᠵᠢᠩ ᠲᠢᠶᠠᠨᠵᠢᠨ ᠤ ᠰᠠᠯᠬᠢ ᠰᠢᠷᠥᠢ | ᠶᠢᠨ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ᠂ ᠬᠦᠷᠤᠰᠤ ᠰᠢᠷᠤᠢ ᠶᠢ ᠬᠠᠮᠠᠭᠠᠯᠠᠬᠤ ᠵᠡᠷᠭᠡ ᠠᠮᠢ ᠠᠬᠤᠢ ᠶᠢᠨ | ᠪᠥᠲᠥᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠠᠮᠢ ᠠᠬᠤᠢ ᠶᠢᠨ ᠪᠠᠶᠢᠭᠤᠯᠤᠯᠳᠠ ᠶᠢᠨ | ᠪᠦᠳᠤᠮᠵᠢ ᠶᠢ ᠤᠯᠠᠮ ᠨᠢᠬᠡ ᠠᠯᠬᠤᠮ ᠪᠠᠳᠤᠤᠨᠬᠠᠨᠠ᠃ ᠶᠡᠭᠡ ᠲᠤᠬᠤᠢ᠂ ᠬᠡᠷᠡᠮ ᠤᠨ ᠭᠤᠤᠯ ᠤᠨ ᠴᠦᠬᠦᠷᠤᠮ | ᠤᠨ ᠲᠥᠯᠥᠪᠵᠢᠬᠦᠯᠭᠡ ᠵᠢᠴᠢ ᠱᠠᠩᠬᠠᠢ ᠶᠢᠨ ᠰᠥᠮ᠎ᠠ ᠶᠢᠨ ᠬᠦᠷᠢᠶᠡᠯᠡᠩ ᠲᠤᠭᠤᠷᠢᠭ ᠤᠨ ᠨᠡᠬᠦᠷᠡᠰᠤᠨ ᠴᠢᠯᠠᠭᠤ᠂ | ᠲᠤᠭᠤᠰᠤ ᠲᠤᠷᠳᠤᠭ᠂ ᠨᠡᠭᠦᠷᠡᠰᠥᠨ ᠲᠠᠪᠬᠤᠷᠭ᠎ᠠ ᠶᠢᠨ ᠤᠰᠤ᠂ ᠪᠤᠵᠠᠷ ᠤᠰᠤ ᠰᠢᠢᠳᠪᠥᠷᠢᠯᠡᠭᠦ ᠲᠥᠯᠥᠪᠵᠢᠬᠦᠯᠭᠡ ᠶᠢ | ᠨᠠᠶᠢᠷᠠᠭᠤᠯᠤᠨ᠂ ᠤᠰᠤ ᠬᠡᠷᠡᠭᠯᠡᠬᠦ᠂ ᠤᠷᠴᠢᠨ ᠳᠤᠭᠤᠷᠢᠨ᠂ ᠡᠨᠧᠷᠬᠢ ᠠᠷᠪᠢᠯᠠᠬᠤ ᠵᠡᠷᠬᠡ ᠶᠢ ᠰᠢᠨᠵᠢᠯᠡᠬᠦ ᠤᠬᠠᠭᠠᠨᠴᠢ | ᠪᠠᠷ ᠲᠦᠯᠤᠪᠯᠡᠵᠤ᠂ ᠰᠠᠭᠤᠷᠢᠨ ᠭᠠᠵᠠᠷ ᠤᠨ ᠪᠠᠶᠢᠭᠤᠯᠤᠯᠳᠠ ᠳᠤ ᠨᠦᠬᠦᠴᠡᠯ ᠬᠠᠩᠭᠠᠨ᠎ᠠ᠃ ᠬᠤᠩ ᠴᠢ 220 | ᠺᠢᠯᠤᠸᠤᠯᠲ ᠤᠨ ᠪᠠᠭᠳᠠᠭᠠᠮᠵᠢ ᠨᠡᠮᠡᠭᠳᠡᠬᠦᠯᠬᠦ ᠢᠨᠵᠧᠨᠧᠷᠢᠩ ᠢ ᠪᠠᠶᠢᠭᠤᠯᠤᠨ᠎ᠠ︔ ᠬᠡᠷᠡᠮ ᠤᠨ ᠭᠤᠤᠯ ᠤᠨ 110 | ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ ᠪᠠ 75 ᠺᠢᠯᠤᠮᠧᠲᠷ ᠤᠨ 110 ᠺᠢᠯᠤᠸᠤᠯᠲ ᠤᠨ | ᠴᠠᠬᠢᠯᠭᠠᠨ ᠬᠤᠪᠢᠰᠬᠠᠨ ᠳᠠᠮᠵᠢᠭᠤᠯᠬᠤ ᠱᠤᠭᠤᠮ᠂ 16 ᠺᠢᠯᠤᠮᠧᠲᠷ ᠤᠨ ᠤᠯᠵᠠᠴᠢ ᠶᠢᠨ ᠶᠡᠷᠥᠩᠭᠡᠶᠢᠯᠡᠭᠰᠡᠨ | ᠬᠦᠷᠢᠶᠡᠯᠠᠩ ᠤᠨ110 ᠺᠢᠯᠤᠸᠤᠯᠲ ᠤᠨ ᠴᠠᠬᠢᠯᠭᠠᠨ ᠬᠤᠪᠢᠰᠬᠠᠨ ᠳᠠᠮᠵᠢᠭᠤᠯᠬᠤ ᠱᠤᠭᠤᠮ᠂ 35 ᠺᠢᠯᠤᠸᠤᠯᠲ ᠤᠨ | ᠴᠠᠬᠢᠯᠭᠠᠨ ᠬᠤᠪᠢᠰᠬᠠᠬᠤ ᠦᠷᠳᠡᠭᠡ ᠪᠠ 445 ᠺᠢᠯᠤᠮᠧᠲᠷ ᠴᠠᠬᠢᠯᠭᠠᠨ ᠬᠦᠴᠤᠨ ᠤ ᠱᠤᠭᠤᠮ ᠢ ᠰᠢᠨ᠎ᠠ ᠪᠠᠷ | ᠪᠠᠶᠢᠭᠤᠯᠤᠨ᠎ᠠ᠃ ᠤᠯᠵᠠᠴᠢ ᠪᠠᠯᠭᠠᠰᠤᠨ ᠠᠴᠠ ᠳ᠋ᠥᠩ ᠳ᠋ᠤᠤ ᠯᠢᠶᠠᠩ ᠬᠦᠷᠬᠦ ︵ᠥᠪᠤᠷ ᠮᠤᠩᠭᠤᠯ ᠨᠢᠩᠰᠢᠶᠠ ᠶᠢᠨ | ᠰᠠᠪᠠ︶ ᠲᠥᠷᠭᠡᠨ ᠵᠠᠮ ᠢ ᠡᠬᠢᠯᠡᠨ ᠪᠠᠶᠢᠭᠤᠯᠵᠤ᠂ ᠤᠯᠵᠠᠴᠢ ᠠᠴᠠ ᠥᠥᠰᠢᠨ ᠬᠤᠰᠢᠭᠤᠨ ᠤ ᠲᠤᠯᠢ ᠭᠥᠷᠭᠦ | ᠨᠢᠭᠡᠳᠥᠭᠡᠷ ᠲᠡᠰ ᠤᠨ ᠵᠠᠰᠠᠮᠠᠯ ᠵᠠᠮ ᠤᠨ ᠥᠭᠡᠷᠡᠴᠢᠯᠡᠯᠳᠡ ᠶᠢᠨ ᠠᠵᠢᠯ᠂ ᠲᠤᠯᠢ ᠠᠴᠠ ᠱᠠᠩᠬᠠᠢ ᠶᠢᠨ ᠰᠥᠮ᠎ᠡ ᠭᠥᠷᠭᠦ | ᠲᠡᠮᠥᠷ ᠵᠠᠮ᠂ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠵᠡᠷᠭᠡ ᠪᠠᠷᠢᠯᠭ᠎ᠠ ᠶᠢ ᠥᠨᠥ ᠵᠢᠯ ᠡᠬᠢᠯᠡᠭᠦᠯᠭᠦ ᠪᠠᠷ | ᠴᠢᠷᠮᠠᠶᠢᠨ᠂ ᠤᠯᠵᠠᠴᠢ ᠠᠴᠠ ᠪᠤᠷᠤᠪᠠᠯᠭᠠᠰᠤ ᠭᠥᠷᠭᠦ ᠨᠢᠭᠡᠳᠥᠭᠡᠷ ᠲᠡᠰ ᠤᠨ ᠵᠠᠰᠠᠮᠠᠯ ᠵᠠᠮ ᠤᠨ ᠡᠮᠥᠨ᠎ᠡ ᠬᠤᠭᠤᠴᠠᠭᠠᠨ | ᠤ ᠠᠵᠢᠯ ᠢ ᠱᠠᠯᠠᠪᠳᠠᠭᠤᠯᠤᠨ᠎ᠠ︔ ᠪᠤᠯᠠᠭ ᠠᠴᠠ ᠱᠠᠩᠬᠠᠢ ᠶᠢᠨ ᠰᠥᠮ᠎ᠡ ᠭᠥᠷᠭᠦ᠂ ᠵᠤᠤᠬ᠎ᠠ ᠠᠴᠠ ᠢᠮᠠᠭᠠᠯᠠᠢ ᠭᠥᠷᠭᠦ | ᠵᠡᠷᠭᠡ ᠭᠠᠴᠠᠭ᠎ᠠ ᠲᠤᠰᠬᠤᠨ ᠤ ᠴᠠᠷᠳᠠᠮᠠᠯ ᠵᠠᠮ ᠢ ᠲᠡᠷᠭᠡ ᠨᠡᠪᠳᠡᠷᠡᠭᠦᠯᠵᠥ᠂ 90 ᠺᠢᠯᠥᠮᠧᠲᠷ ᠤᠨ ᠭᠥᠳᠡᠭᠡ ᠲᠤᠰᠬᠤᠨ | ᠤ ᠵᠠᠰᠠᠮᠠᠯ ᠵᠠᠮ᠂ ᠱᠠᠩᠬᠠᠢ ᠶᠢᠨ ᠰᠥᠮ᠎ᠡ ᠶᠢᠨ ᠵᠠᠮ ᠵᠡᠭᠡᠯᠢ ᠶᠢᠨ ᠵᠠᠯᠭᠠᠯᠳᠠ ᠪᠠ 21 ᠺᠢᠯᠤᠮᠧᠲᠷ ᠭᠥᠨᠳᠥ | ᠲᠠᠭᠠᠭᠠᠴᠠᠳᠤ ᠵᠠᠰᠠᠮᠠᠯ ᠵᠠᠮ ᠰᠢᠨ᠎ᠡ ᠲᠡᠪᠢᠰᠥᠨ᠂ ᠤᠯᠵᠠᠴᠢ ᠶᠢᠨ ᠶᠡᠷᠥᠩᠭᠡᠶᠢᠯᠡᠭᠰᠡᠨ ᠭᠥᠷᠢᠶᠡᠯᠠᠩ ᠤᠨ 12.3 | ᠺᠢᠯᠥᠮᠧᠲᠷ ᠵᠠᠰᠠᠮᠠᠯ ᠵᠠᠮ ᠢ ᠵᠠᠰᠠᠨ᠎ᠠ᠃ | ︵ᠲᠠᠪᠤ︶ ᠥᠢᠯᠡᠴᠢᠯᠡᠭᠡ ᠶᠢ ᠴᠢᠩᠭᠠᠳᠬᠠᠨ᠂ ᠲᠥᠷᠥᠯ ᠵᠥᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ | ᠤᠯᠤᠰ ᠤᠨ ᠠᠵᠤ ᠥᠢᠯᠡᠰ ᠤᠨ ᠵᠢᠯᠤᠭᠤᠳᠤᠮᠵᠢ ᠶᠢ ᠰᠠᠨᠠᠭᠠᠴᠢᠯᠠᠭᠠᠲᠡᠢ ᠪᠠᠷ ᠡᠵᠡᠮᠳᠡᠵᠤ᠂ ᠠᠵᠤ ᠥᠢᠯᠡᠰ ᠢ | ᠬᠤᠪᠢᠷᠠᠭᠤᠯᠤᠨ ᠲᠡᠰ ᠲᠡᠪᠰᠢᠭᠦᠯᠭᠦ᠂ ᠤᠨᠴᠠᠯᠢᠭᠳᠤ ᠠᠵᠤ ᠥᠢᠯᠡᠰ ᠢ ᠭᠥᠭᠵᠢᠭᠦᠯᠭᠦ᠂ ᠡᠬᠢ ᠰᠤᠷᠪᠤᠯᠵᠢ ᠶᠢ | ᠶᠡᠷᠥᠩᠭᠡᠶᠢᠯᠡᠨ ᠠᠰᠢᠭᠯᠠᠬᠤ ᠵᠡᠷᠭᠡ ᠲᠠᠯ᠎ᠠ ᠠᠴᠠ ᠭᠠᠷᠳᠠᠵᠤ᠂ ᠠᠵᠤ ᠠᠬᠤᠢ ᠶᠢᠨ ᠥᠷ᠎ᠡ ᠠᠰᠢᠭ ᠥᠨᠳᠥᠷ᠂ ᠠᠵᠤ | ᠥᠢᠯᠡᠰ ᠤᠨ ᠭᠡᠯᠬᠢᠶᠡᠵᠢᠯ ᠤᠷᠳᠤ᠂ ᠡᠬᠢ ᠰᠤᠷᠪᠤᠯᠵᠢ ᠶᠢᠨ ᠶᠡᠷᠥᠩᠭᠡᠶᠢᠯᠡᠭᠰᠡᠨ ᠠᠰᠢᠭᠯᠠᠯᠳᠠ ᠪᠠᠷ ᠰᠠᠶᠢᠨ ᠨᠢᠭᠡ | ᠪᠥᠯᠥᠭ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠥᠷᠥᠯ ᠵᠥᠢᠯ ᠢ ᠰᠢᠯᠢᠳᠡᠭᠵᠢᠭᠦᠯᠥᠨ ᠨᠥᠭᠡᠴᠡᠯᠡᠵᠥ᠂ ᠲᠥᠷᠥᠯ | ᠵᠥᠢᠯ ᠤᠨ ᠭᠥᠮᠥᠷᠭᠡ ᠳᠤ ᠤᠷᠤᠭᠤᠯᠤᠨ ᠨᠢᠭᠡᠳᠥᠯᠳᠡᠢ ᠬᠠᠮᠢᠶᠠᠷᠴᠤ᠂ ᠪᠥᠯᠥᠭ ᠬᠤᠪᠢᠶᠠᠨ ᠭᠡᠷᠡᠭᠵᠢᠭᠦᠯᠥᠨ᠎ᠡ᠃ | ᠤᠯᠤᠰ᠂ ᠤᠷᠤᠨ᠂ ᠬᠤᠳᠠ ᠶᠢᠨ ᠬᠤᠯᠪᠤᠭᠳᠠᠯ ᠪᠥᠭᠦᠢ ᠱᠠᠭᠠᠷᠳᠠᠯᠭ᠎ᠠ ᠶᠤᠰᠤ ᠪᠠᠷ ᠲᠥᠷᠥᠯ ᠵᠥᠢᠯ ᠤᠨ | ᠵᠥᠪᠰᠢᠶᠡᠷᠡᠯ ᠤᠨ ᠡᠷᠭᠡ ᠶᠢ ᠲᠤᠭᠤᠭᠰᠢ ᠲᠠᠯᠪᠢᠬᠤ ᠲᠥᠷᠢᠮ ᠢ ᠬᠢᠨᠠᠮᠭᠠᠢ ᠲᠤᠤᠱᠯᠠᠭᠤᠯᠤᠨ᠂ ᠲᠥᠷᠥᠯ ᠵᠥᠢᠯ ᠤᠨ | ᠵᠥᠪᠰᠢᠶᠡᠷᠡᠯ ᠢ ᠰᠢᠯᠤᠭᠤᠳᠬᠠᠨ ᠴᠠᠭ ᠲᠠᠷᠠᠭᠠᠯᠠᠯ ᠢ ᠴᠤᠮᠬᠠᠳᠬᠠᠵᠤ᠂ ᠲᠥᠷᠥᠯ ᠵᠥᠢᠯ ᠤᠨ ᠪᠠᠶᠢᠭᠤᠯᠤᠯᠳᠠ ᠶᠢᠨ | ᠡᠯ᠎ᠡ ᠭᠤᠭᠴᠤᠭ᠎ᠠ ᠶᠢᠨ ᠥᠢᠯᠡᠴᠢᠯᠡᠭᠡ ᠬᠠᠮᠢᠶᠠᠷᠤᠯᠳᠠ ᠶᠢ ᠰᠠᠶᠢᠳᠤᠷ ᠬᠢᠵᠥ᠂ ᠡᠮᠥᠨ᠎ᠡ ᠬᠤᠭᠤᠴᠭᠠᠨ ᠤ ᠲᠥᠷᠥᠯ | ᠵᠥᠢᠯ ᠢ ᠲᠦᠷᠬᠡᠨ ᠵᠦᠪᠰᠢᠶᠡᠷᠡᠬᠦᠯᠵᠤ᠂ ᠵᠦᠪᠰᠢᠶᠡᠷᠡᠬᠦᠯᠦᠭᠰᠡᠨ ᠲᠦᠷᠤᠯ ᠵᠦᠢᠯ ᠢ ᠲᠦᠷᠬᠡᠨ ᠪᠤᠳᠠᠳᠠᠶᠢᠵᠢᠭᠤᠯᠵᠤ᠂ | ᠪᠤᠳᠠᠳᠠᠶᠢᠵᠢᠭᠤᠯᠤᠭᠰᠡᠨ ᠲᠦᠷᠤᠯ ᠵᠦᠢᠯ ᠤᠨ ᠥᠷ᠎ᠡ ᠠᠰᠢᠭ ᠢ ᠪᠠᠳᠠᠷᠠᠭᠤᠯᠬᠤ ᠶᠢ ᠠᠬᠢᠭᠤᠯᠤᠨ᠎ᠠ᠃ ᠲᠦᠯᠤᠪᠯᠡᠭᠡ | ᠶᠢᠨ ᠨᠠᠶᠢᠷᠠᠭᠤᠯᠤᠯᠳᠠ ᠵᠦᠪᠰᠢᠶᠡᠷᠡᠯᠳᠠ᠂ ᠲᠦᠷᠤᠯ ᠵᠦᠢᠯ ᠤᠨ ᠪᠡᠯᠡ ᠮᠦᠩᠬᠦ ᠶᠢ ᠴᠢᠷᠮᠠᠶᠢᠨ ᠤᠯᠬᠤ᠂ ᠲᠦᠷᠤᠯ | ᠵᠦᠢᠯ ᠢ ᠪᠠᠶᠢᠴᠠᠭᠠᠬᠤ ᠵᠡᠷᠬᠡ ᠠᠵᠢᠯ ᠢ ᠪᠠᠳᠤᠳᠠᠢ ᠠᠤᠨᠬᠤᠵᠤ᠂ ᠲᠦᠷᠤᠯ ᠵᠦᠢᠯ ᠤᠨ ᠡᠮᠬᠢᠳᠠᠢ ᠵᠠᠯᠭᠠᠯᠳᠤᠵᠤ᠂ | ᠤᠷᠤᠭᠰᠢᠳᠠᠢ ᠠᠬᠢᠬᠤ ᠶᠢ ᠪᠠᠳᠤᠯᠠᠨ᠎ᠠ᠃ | ︵ᠵᠢᠷᠭᠤᠭ᠎ᠠ︶ ᠠᠷᠠᠤᠨ ᠤᠨ ᠠᠮᠢᠳᠤᠷᠠᠯ ᠢ ᠨᠠᠶᠢᠳᠠᠮ ᠬᠠᠷᠠᠭᠠᠯᠵᠠᠵᠤ᠂ ᠪᠠᠳᠤᠯᠠᠭ᠎ᠠ ᠶᠢᠨ ᠴᠢᠳᠠᠪᠤᠷᠢ ᠶᠢ | ᠳᠡᠬᠡᠭᠰᠢᠯᠡᠬᠦᠯᠤᠨ᠎ᠠ᠃ ᠰᠤᠷᠭᠠᠨ ᠬᠦᠮᠤᠵᠢᠯ᠂ ᠡᠮ ᠡᠮᠴᠢᠯᠡᠭᠡ᠂ ᠰᠤᠶᠤᠯ᠂ ᠡᠷᠡᠬᠦᠯ ᠬᠠᠮᠠᠭᠠᠯᠠᠯ ᠵᠡᠷᠬᠡ ᠨᠠᠶᠢᠬᠡᠮ ᠤᠨ | ᠡᠯ᠎ᠡ ᠲᠦᠷᠤᠯ ᠤᠨ ᠤᠶᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠦᠬᠦ ᠬᠦᠴᠤᠨ ᠢᠶᠠᠷ ᠠᠬᠢᠭᠤᠯᠤᠨ᠎ᠠ᠃ | ᠰᠤᠷᠭᠠᠭᠤᠯᠢ ᠶᠢᠨ ᠦᠷᠬᠦᠯᠵᠢᠯᠠᠯ ᠪᠠᠷᠢᠯᠭ᠎ᠠ ᠶᠢ ᠪᠠᠶᠢᠭᠤᠯᠵᠤ᠂ ᠰᠤᠷᠭᠠᠨ ᠬᠦᠮᠤᠵᠢᠯ ᠤᠨ ᠰᠠᠭᠤᠷᠢ ᠲᠦᠬᠦᠬᠡᠷᠤᠮᠵᠢ | ᠶᠢ ᠳᠡᠬᠦᠯᠳᠡᠷᠵᠢᠬᠦᠯᠤᠨ᠎ᠠ᠃ ᠮᠥᠽᠸᠢ᠂ ᠨᠤᠮ ᠤᠨ ᠰᠠᠩ᠂ ᠰᠤᠶᠤᠯ ᠤᠨ ᠤᠷᠳᠤᠨ᠂ ᠳᠠᠩᠰᠠ ᠡᠪᠬᠡᠮᠡᠯ ᠤᠨ | ᠤᠷᠳᠤᠨ ᠢ ᠠᠰᠢᠭᠯᠠᠯᠳᠠ ᠳᠤ ᠤᠷᠤᠭᠤᠯᠵᠤ᠂ ᠠᠷᠠᠤᠨ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ᠬᠤᠶᠠᠳᠤᠭᠠᠷ ᠳᠡᠰ ᠤᠨ ᠬᠦᠬᠡ ᠵᠡᠷᠬᠡ ᠶᠢᠨ ᠦᠨᠳᠤᠰᠤᠳᠠᠨ ᠤ ᠡᠮᠨᠡᠯᠬᠡ ᠶᠢᠨ ᠬᠤᠷᠢᠶ᠎ᠠ᠂ ᠬᠤᠶᠠᠳᠤᠭᠠᠷ ᠳᠡᠰ ᠤᠨ | ᠬᠦᠬᠡᠭᠴᠢᠨ ᠵᠡᠷᠭᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠶᠢᠨ ᠳᠡᠰ ᠳᠠᠪᠰᠢᠬᠤ ᠠᠵᠢᠯ ᠢ ᠰᠠᠶᠢᠳᠤᠷ | ᠠᠤᠨᠬᠤᠵᠤ᠂ ᠪᠤᠷᠤᠪᠠᠯᠭᠠᠰᠤ ᠪᠠ ᠳᠠᠬᠢᠯᠳᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢ ᠦᠬᠡᠷᠡᠴᠢᠯᠠᠨ ᠪᠠᠶᠢᠭᠤᠯᠤᠨ᠎ᠠ︔ | ᠬᠦᠨᠳᠤ ᠶᠡᠭᠡ ᠡᠪᠡᠳᠴᠢᠳᠡᠨ ᠪᠠ ᠬᠦᠴᠢᠷᠳᠠᠯ ᠲᠠᠢ ᠡᠮᠡᠭᠳᠡᠶᠢᠴᠤᠤᠨ᠂ ᠤᠨᠴᠠ ᠬᠦᠴᠢᠷᠳᠠᠯ ᠲᠠᠢ ᠬᠦᠮᠤᠰ ᠤᠨ | ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠠᠵᠢᠯ ᠢ ᠰᠠᠶᠢᠳᠤᠷ ᠠᠤᠨᠬᠤᠵᠤ᠂ ᠡᠮᠴᠢᠯᠡᠭᠡ ᠡᠷᠡᠬᠦᠯ ᠬᠠᠮᠠᠭᠠᠯᠠᠯ ᠤᠨ | ᠪᠠᠳᠤᠯᠠᠭ᠎ᠠ ᠶᠢᠨ ᠲᠦᠪᠰᠢᠨ ᠢ ᠳᠡᠬᠡᠭᠰᠢᠯᠡᠬᠦᠯᠤᠨ᠎ᠠ᠃ ᠨᠠᠶᠢᠬᠡᠮ ᠤᠨ ᠪᠠᠳᠤᠯᠠᠭ᠎ᠠ ᠶᠢᠨ ᠪᠦᠷᠬᠦᠴᠠ ᠶᠢ ᠤᠯᠠᠮ | ᠦᠷᠬᠡᠤᠨᠬᠡᠵᠤ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠳᠡᠬᠡᠭᠰᠢᠯᠡᠬᠦᠯᠵᠤ᠂ ᠵᠡᠮᠳᠡᠭᠴᠤᠤᠨ᠂ | ᠬᠤᠳᠠ ᠬᠦᠳᠡᠭᠡ ᠶᠢᠨ ᠳᠤᠤᠷ᠎ᠠ ᠪᠠᠳᠤᠯᠠᠭᠠᠳᠤ ᠡᠷᠤᠬᠡ᠂ ︽ᠭᠤᠷᠪᠠ ᠦᠬᠡᠢ ᠬᠦᠮᠤᠰ︾᠂ ᠭᠤᠤᠯᠳᠠᠯᠭᠠᠳᠠᠢ | ᠬᠠᠷᠠᠭᠠᠯᠵᠠᠬᠤ ᠡᠳᠡᠬᠡᠤᠨ ᠵᠡᠷᠬᠡ ᠬᠦᠴᠢᠷᠳᠠᠯ ᠲᠠᠢ ᠠᠷᠠᠤᠨ ᠲᠤ ᠨᠦᠬᠦᠪᠤᠷᠢ ᠤᠯᠭᠤᠬᠤ ᠠᠵᠢᠯ ᠢ ᠰᠠᠶᠢᠳᠤᠷ | ᠠᠤᠨᠬᠤᠨ᠎ᠠ᠃ ᠪᠠᠳᠤᠯᠠᠭ᠎ᠠ ᠶᠢᠨ ᠤᠷᠤᠨ ᠰᠠᠭᠤᠴᠠ ᠶᠢᠨ ᠪᠠᠶᠢᠭᠤᠯᠤᠯᠳᠠ ᠪᠠ ᠮᠠᠯᠵᠢᠬᠤ ᠳᠠᠷᠢᠶᠠᠯᠠᠬᠤ ᠤᠷᠤᠨ ᠤ | ᠠᠶᠤᠯᠳᠠᠢ ᠬᠡᠷ ᠪᠠᠶᠢᠰᠢᠩ ᠤᠨ ᠥᠭᠡᠷᠡᠴᠢᠯᠡᠯᠳᠡ ᠶᠢ ᠪᠠᠳᠤᠳᠠᠢ ᠠᠤᠨᠬᠤᠵᠤ᠂ ᠤᠷᠤᠨ ᠰᠠᠭᠤᠴᠠ ᠶᠢᠨ ᠬᠦᠴᠢᠷᠳᠠᠯ ᠢ | ᠪᠦᠳᠤᠮᠵᠢᠳᠠᠢ ᠰᠢᠢᠤᠨᠪᠤᠷᠢᠯᠡᠨᠠ᠃ ᠤᠶᠢᠯᠡᠰ ᠪᠦᠳᠤᠬᠡᠨ ᠠᠵᠢᠯ ᠤᠯᠬᠤ ᠶᠢ ᠴᠢᠷᠮᠠᠶᠢᠨ ᠦᠷᠬᠡᠤᠨᠬᠡᠵᠤ᠂ ᠤᠶᠢᠯᠡᠰ | ᠪᠦᠳᠤᠬᠡᠨ ᠠᠵᠢᠯ ᠤᠯᠬᠤ ᠲᠠᠪᠴᠠᠩ ᠪᠠᠶᠢᠭᠤᠯᠵᠤ᠂ ᠤᠶᠢᠯᠡᠰ ᠪᠦᠳᠤᠬᠡᠨ ᠠᠵᠢᠯ ᠤᠯᠬᠤ ᠠᠷᠭ᠎ᠠ ᠵᠠᠮ ᠢ | ᠥᠷᠭᠡᠳᠭᠡᠨ᠂ ᠠᠷᠠᠤᠨ ᠢ ᠬᠠᠷᠠᠭᠠᠯᠵᠠᠬᠤ ᠡᠯ᠎ᠡ ᠲᠥᠷᠥᠯ ᠤᠨ ᠲᠦᠷᠤ ᠶᠢᠨ ᠪᠤᠳᠤᠯᠭ᠎ᠠ ᠶᠢ ᠪᠤᠳᠠᠳᠠᠶᠢᠵᠢᠭᠤᠯᠵᠤ᠂ | ᠰᠢᠯᠵᠢᠭᠰᠡᠨ ᠮᠠᠯᠴᠢᠨ ᠳᠠᠷᠢᠶᠠᠴᠢᠳ ᠤᠨ ᠠᠵᠢᠯ ᠤᠯᠬᠤ ᠠᠰᠠᠭᠤᠳᠠᠯ ᠢ ᠰᠢᠢᠤᠨᠪᠤᠷᠢᠯᠠᠨᠠ᠃ ᠤᠰᠤ ᠤᠮᠳᠠ ᠶᠢᠨ | ᠠᠶᠤᠯᠬᠦᠢ᠂ ᠢᠳᠡᠭᠡᠨ ᠤ ᠠᠶᠤᠯᠬᠦᠢ᠂ ᠤᠶᠤᠨ ᠤ ᠪᠤᠯᠪᠠᠰᠤᠨ ᠤ ᠪᠠᠶᠢᠭᠤᠯᠤᠯᠳᠠ᠂ ᠴᠢᠳᠠᠪᠤᠷᠢᠳᠠᠨ ᠤᠷᠢᠬᠤ᠂ | ᠬᠦᠮᠤᠨ ᠠᠮᠠ ᠶᠢᠨ ᠲᠦᠯᠤᠪᠯᠡᠬᠡᠳᠤ ᠭᠥᠩᠭᠡᠵᠢᠯ᠂ ᠡᠮᠡᠭᠳᠠᠶᠢᠴᠤᠤᠨ ᠪᠠᠭᠠᠴᠤᠤᠨ᠂ ᠨᠠᠶᠢᠬᠡᠮ ᠤᠨ ᠬᠠᠮᠢᠶᠠᠷᠤᠯᠳᠠ᠂ | ᠦᠬᠡᠷᠡᠴᠢᠯᠠᠯᠳᠠ ᠰᠢᠨᠡᠴᠢᠯᠠᠯᠳᠠ ᠵᠡᠷᠬᠡ ᠠᠵᠢᠯ ᠢ ᠰᠠᠶᠢᠳᠤᠷ ᠠᠤᠨᠬᠤᠵᠤ᠂ ᠨᠠᠶᠢᠬᠡᠮ ᠤᠨ ᠡᠯ᠎ᠡ ᠲᠦᠷᠤᠯ ᠤᠨ ᠤᠶᠢᠯᠡᠰ | ᠤᠨ ᠡᠶ᠎ᠡ ᠨᠠᠶᠢᠷᠠᠮᠳᠠᠭᠤ ᠬᠦᠭᠵᠢᠯᠳᠠ ᠶᠢ ᠠᠬᠢᠭᠤᠯᠤᠨ᠎ᠠ᠃ | ᠲᠦᠯᠤᠬᠡᠯᠡᠭᠴᠢᠤᠨ ᠡ᠂ 2014 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠠᠵᠢᠯ ᠢ | ᠰᠠᠶᠢᠳᠤᠷ ᠬᠢᠬᠦ ᠳᠤ ᠡᠬᠦᠷᠬᠡ ᠬᠦᠨᠳᠤ ᠠᠴᠢ ᠬᠤᠯᠪᠤᠭᠳᠠᠯ ᠶᠡᠭᠡ ᠪᠤᠢ᠃ ᠪᠢᠳᠠ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠳᠤᠬᠢᠶᠠᠯ ᠢ ᠠᠤᠨᠬᠤᠨ᠂ ᠬᠦᠴᠢᠷᠳᠠᠯ ᠢ ᠢᠯᠡᠨ᠂ | ᠦᠬᠡᠷᠡᠴᠢᠯᠠᠯᠳᠠ ᠰᠢᠨᠠᠴᠢᠯᠠᠯᠳᠠ ᠬᠢᠵᠤ᠂ ᠪᠦᠬᠦ ᠵᠢᠯ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠬᠠᠷᠠᠯᠳᠠ | ᠪᠠᠨ ᠪᠡᠶᠡᠯᠡᠬᠦᠯᠬᠦ ᠶᠢ ᠪᠠᠳᠤᠯᠠᠬᠤ ᠳᠤ ᠢᠳᠡᠬᠡᠯ ᠳᠡᠬᠦᠯᠳᠡᠷ ᠪᠠᠶᠢᠨ᠎ᠠ᠃ | |