ᠤᠳᠤᠭ ᠤᠨ ᠡᠮᠥᠨᠡᠳᠤ ᠬᠤᠰᠢᠭᠤᠨ ᠤ 2013 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ | ᠶᠢᠨ ᠪᠠᠶᠢᠳᠠᠯ ᠪᠠ 2014 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | | —— 2014 ᠤᠨ ᠤ 1 ᠰᠠᠷ᠎ᠠ ᠶᠢᠨ 22 ᠤᠨ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ | ᠬᠤᠰᠢᠭᠤᠨ ᠤ 2013 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ | 2014 ᠤᠨ ᠤ ᠡᠳ᠋ ᠤᠨ ᠵᠠᠰᠠᠭ ᠤᠨ ᠳᠥᠰᠥᠪ ᠤᠨ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ | ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ | ᠬᠤᠷᠠᠯᠳᠣᠭᠠᠨ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ | ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2013 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2013 ᠤᠨ ᠳᠤ᠂ ᠬᠤᠷᠸ᠎ᠠ ᠠᠵᠣ ᠠᠬᠤᠢ ᠶᠢᠨ ᠪᠤᠳᠤᠯᠢᠶᠠᠨ ᠲᠠᠢ ᠣᠷᠴᠢᠨ ᠲᠤᠤᠷ᠎ᠠ ᠮᠡᠨ ᠤ ᠬᠤᠰᠢᠭᠤᠨ | ᠤ ᠡᠳ᠋ ᠤᠨ ᠵᠠᠰᠠᠭ ᠤᠨ ᠠᠵᠢᠯ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ | ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠪᠥᠳᠥᠮᠵᠢ | ᠲᠠᠢ ᠬᠢᠨᠠᠯᠲᠠ ᠳᠤᠤᠷ᠎ᠠ᠂ ᠣᠷᠣᠯᠭ᠎ᠠ ᠶᠢ ᠠᠤᠨᠬᠤᠨ ᠨᠡᠮᠡᠭᠳᠡᠯ ᠢ ᠠᠬᠢᠭᠤᠯᠵᠣ᠂ ᠪᠦᠳᠦᠴᠡ ᠶᠢ ᠲᠣᠬᠢᠷᠠᠭᠤᠯᠣᠨ | ᠠᠷᠠᠳ ᠤᠨ ᠠᠮᠢᠳᠥᠷᠠᠯ ᠢ ᠰᠠᠶᠢᠵᠢᠷᠠᠭᠤᠯᠤᠨ᠂ ᠦᠬᠡᠷᠡᠴᠢᠯᠠᠯᠳᠠ ᠬᠦᠭᠵᠢᠭᠦᠯᠦᠯᠳᠠ ᠶᠢ ᠠᠬᠢᠭᠤᠯᠵᠣ᠂ ᠪᠦᠬᠦ | ᠬᠤᠰᠢᠭᠤᠨ ᠤ ᠠᠵᠤ ᠠᠬᠤᠢ ᠨᠡᠶᠢᠬᠡᠮ ᠤᠨ ᠥᠢᠯᠡᠰ ᠤᠨ ᠬᠥᠭᠵᠢᠯᠲᠡ ᠶᠢ ᠭᠥᠴᠥᠲᠡᠢ ᠳᠡᠮᠵᠢᠨ᠂ ᠵᠢᠯ ᠤᠨ ᠳᠥᠰᠥᠪ | ᠤᠨ ᠤᠷᠤᠯᠭ᠎ᠠ ᠵᠠᠷᠤᠯᠭ᠎ᠠ ᠶᠢᠨ ᠡᠭᠦᠷᠭᠡ ᠪᠠᠨ ᠨᠡᠯᠢᠶᠡᠳ ᠴᠢᠨᠠᠷᠵᠢᠭᠤᠨ ᠪᠡᠶᠡᠯᠡᠭᠦᠯᠪᠠ᠃ | 2013 ᠤᠨ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ ᠵᠢᠱᠢᠯᠳᠠ ᠪᠠᠷ 29.31 | ᠳ᠋ᠦᠩᠰᠢᠭᠤᠷ ᠲᠥᠭᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 19.73% ᠪᠠᠷ ᠨᠡᠮᠡᠭᠳᠡᠭᠦᠯᠪᠡ᠂ | ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 11.66 ᠳ᠋ᠦᠩᠰᠢᠭᠤᠷ ᠲᠥᠭᠦᠷᠢᠭ᠂ | ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 15.3 ᠳ᠋ᠦᠩᠰᠢᠭᠤᠷ ᠲᠥᠭᠦᠷᠢᠭ᠂ ᠲᠡᠭᠡᠷ᠎ᠡ ᠵᠢᠯ | ᠤᠨ ᠦᠯᠡᠳᠡᠪᠦᠷᠢ ᠣᠷᠣᠯᠭ᠎ᠠ 2.35 ᠳ᠋ᠦᠩᠰᠢᠭᠤᠷ ᠲᠦᠭᠦᠷᠢᠭ︔ ᠬᠤᠰᠢᠭᠤ ᠲᠤᠰ ᠱᠠᠳᠤᠨ ᠤ ᠡᠯ᠎ᠡ ᠲᠠᠯ᠎ᠠ ᠶᠢᠨ | ᠵᠠᠷᠤᠯᠭ᠎ᠠ ᠵᠢᠱᠢᠯᠳᠠ ᠪᠠᠷ 26.72 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 20.69% | ᠪᠠᠷ ᠨᠡᠮᠡᠭᠳᠡᠪᠠ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 26.5 ᠳ᠋ᠦᠩᠰᠢᠭᠤᠷ | ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0.02 ᠳ᠋ᠦᠩᠰᠢᠭᠤᠷ ᠲᠥᠭᠦᠷᠢᠭ᠂ ᠰᠢᠢᠳᠪᠦᠷᠢᠯᠡᠭᠰᠡᠨ ᠦᠷᠢ | ᠦᠭᠴᠡᠭᠡ 0.2 ᠳ᠋ᠦᠩᠰᠢᠭᠤᠷ ᠲᠦᠭᠦᠷᠢᠭ︔ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 2.59 | ᠳ᠋ᠦᠩᠰᠢᠭᠤᠷ ᠲᠦᠬᠦᠷᠢᠭ᠃ | 2013 ᠤᠨ ᠤ ᠪᠥᠭᠦ ᠬᠤᠰᠢᠭᠤᠨ ᠤ ᠡᠳ᠋ ᠤᠨ ᠵᠠᠰᠠᠭ ᠤᠨ ᠶᠡᠷᠥᠩᠬᠡᠢ ᠤᠷᠤᠯᠭ᠎ᠠ 22.02 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.07% ᠪᠠᠷ ᠨᠡᠮᠡᠭᠳᠡᠪᠡ᠃ 2013 | ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠵᠠᠷᠣᠯᠭ᠎ᠠ 26.5 ᠳ᠋ᠦᠩᠰᠢᠭᠤᠷ ᠲᠦᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 22.12% ᠪᠠᠷ ᠨᠡᠮᠡᠭᠳᠡᠪᠠ᠂ ᠡᠭᠦᠨ ᠳᠤ᠄ ᠬᠤᠰᠢᠭᠤ ᠱᠠᠳᠣᠨ ᠤ | ᠵᠠᠷᠣᠯᠭ᠎ᠠ 25.61 ᠳ᠋ᠦ᠋ᠩᠰᠢᠭᠤᠷ ᠲᠦᠭᠦᠷᠢᠭ᠂ ᠪᠠᠯᠭᠠᠰᠦ ᠱᠠᠳᠦᠨ ᠤ ᠵᠠᠷᠣᠯᠭ᠎ᠠ 0.89 ᠳ᠋ᠦᠩᠰᠢᠭᠤᠷ ᠲᠦᠭᠦᠷᠢᠭ᠃ | 2013 ᠤᠨ ᠳᠤ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠥᠩᠭᠦ ᠶᠢᠨ ᠤᠷᠤᠯᠭ᠎ᠠ 0.97 | ᠳ᠋ᠦᠩᠰᠢᠭᠤᠷ ᠲᠥᠭᠦᠷᠢᠭ ᠬᠦᠷᠴᠦ᠂ ᠰᠠᠭᠤᠷᠢ ᠮᠥᠩᠭᠦ ᠶᠢᠨ ᠵᠠᠷᠤᠯᠭ᠎ᠠ 1.28 ᠳ᠋ᠦᠩᠰᠢᠭᠤᠷ ᠲᠥᠭᠦᠷᠢᠭ ︵ᠡᠬᠦᠨ | ᠳᠤ ᠳᠡᠬᠡᠳᠤ ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.31 ᠳ᠋ᠦᠩᠰᠢᠭᠤᠷ ᠲᠦᠬᠦᠷᠢᠭ︶᠂ ᠦᠯᠡᠳᠡᠪᠤᠷᠢ | 0.71 ᠳ᠋ᠦᠩᠰᠢᠭᠤᠷ ᠲᠦᠬᠦᠷᠢᠭ︔ ᠨᠡᠶᠢᠬᠡᠮ ᠤᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠤᠷᠤᠯᠭ᠎ᠠ ᠵᠠᠷᠤᠯᠭ᠎ᠠ | 1.96 ᠳ᠋ᠦᠩᠰᠢᠭᠤᠷ ᠲᠥᠭᠦᠷᠢᠭ ᠢ ᠪᠡᠶᠡᠯᠡᠬᠦᠯᠪᠠ᠃ | 2013 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄ | ︵ᠨᠢᠭᠡ︶ ᠡᠳ᠋ ᠤᠨ ᠵᠠᠰᠠᠭ ᠤᠨ ᠤᠷᠤᠯᠭ᠎ᠠ ᠦᠷᠭᠦᠯᠵᠢᠯᠡᠨ ᠯᠠᠪᠳᠠᠭᠤᠨ ᠢᠶᠠᠷ ᠨᠡᠮᠡᠭᠳᠡᠪᠠ᠃ ᠠᠵᠣ ᠠᠬᠤᠢ | ᠶᠢᠨ ᠬᠦᠭᠵᠢᠯᠳᠠ ᠣᠳᠠᠭᠠᠰᠢᠷᠠᠭᠰᠡᠨ ᠪᠠᠶᠢᠳᠠᠯ ᠲᠣᠣᠷ᠎ᠠ᠂ ᠪᠢᠳᠠ ᠭᠠᠶᠢᠯᠢ ᠲᠠᠲᠠᠪᠦᠷᠢᠯᠡᠬᠤ ᠰᠠᠯᠠᠭ᠎ᠠ ᠮᠦᠴᠢᠷ ᠲᠠᠢ | ᠢᠳᠡᠪᠬᠢᠳᠠᠢ ᠬᠠᠮᠵᠢᠯᠴᠠᠨ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠳᠠ ᠶᠢ ᠬᠥᠳᠡᠯᠥᠩᠭᠦᠢ ᠪᠠᠷ ᠬᠢᠨᠠᠨ ᠡᠵᠡᠮᠳᠠᠵᠣ᠂ | ᠬᠠᠣᠯᠢ ᠶᠤᠰᠤ ᠪᠠᠷ ᠤᠷᠤᠯᠭ᠎ᠠ ᠳᠠᠳᠠᠪᠤᠷᠢᠯᠠᠬᠤ ᠬᠠᠮᠢᠶᠠᠷᠣᠯᠳᠠ ᠪᠠᠨ ᠴᠢᠩᠭᠠᠳᠬᠠᠵᠣ᠂ ᠭᠠᠶᠢᠯᠢ ᠭᠤᠭᠤᠵᠢᠵᠣ | ᠭᠡᠭᠡᠭᠳᠡᠬᠦ ᠶᠢ ᠦᠨᠳᠦᠰᠦᠨ ᠠᠴᠠ ᠨᠢ ᠲᠠᠰᠦᠯᠵᠣ᠂ ᠬᠤᠷᠢᠶᠠᠬᠤ ᠶᠤᠰᠤ ᠲᠠᠢ ᠪᠦᠬᠦᠨ ᠢ ᠬᠤᠷᠢᠶᠠᠵᠣ᠂ ᠡᠳ᠋ ᠤᠨ | ᠵᠠᠰᠠᠭ ᠤᠨ ᠣᠷᠣᠯᠭ᠎ᠠ ᠶᠢᠨ ᠲᠣᠭᠳᠠᠭᠤᠨ ᠨᠡᠮᠡᠭᠳᠡᠯ ᠢ ᠪᠠᠳᠦᠯᠠᠪᠠ᠃ ᠡᠭᠦᠨ ᠤ ᠬᠠᠮᠳᠦ ᠲᠡᠭᠡᠳᠦ ᠱᠠᠳᠦᠨ ᠤ ᠡᠳ᠋ ᠤᠨ | ᠵᠠᠰᠠᠭ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠰᠣᠳᠣᠯᠵᠤ᠂ ᠲᠡᠭᠡᠳᠦ ᠱᠠᠳᠦᠨ ᠤ ᠰᠢᠯᠵᠢᠭᠦᠯᠦᠨ ᠦᠭᠭᠦᠭᠰᠡᠨ | ᠪᠡᠯᠡ ᠮᠦᠭᠭᠦ ᠶᠢ 2.69 ᠳ᠋ᠦᠩᠰᠢᠭᠤᠷ ᠲᠦᠭᠦᠷᠢᠭ ᠣᠯᠵᠣ᠂ ᠠᠵᠣ ᠠᠬᠤᠢ ᠶᠢᠨ ᠲᠡᠰ ᠲᠡᠪᠰᠢᠯᠳᠠ ᠪᠣᠯᠣᠨ | ᠨᠡᠶᠢᠭᠡᠮ ᠤᠨ ᠣᠶᠢᠯᠠᠰ ᠤᠨ ᠬᠦᠭᠵᠢᠯᠳᠠ ᠳᠤ ᠬᠢ ᠪᠡᠯᠡ ᠣᠷᠣᠭᠤᠯᠣᠯᠳᠠ ᠬᠦᠷᠦᠯᠴᠡᠬᠦ ᠦᠭᠡᠢ ᠠᠰᠠᠭᠤᠳᠠᠯ ᠢ | ᠪᠥᠳᠥᠮᠵᠢ ᠲᠠᠢ ᠰᠢᠢᠳᠪᠦᠷᠢᠯᠡᠪᠡ᠃ | ︵ᠬᠤᠶᠠᠷ︶ ᠡᠳ᠋ ᠤᠨ ᠵᠠᠰᠠᠭ ᠤᠨ ᠵᠠᠷᠤᠯᠭ᠎ᠠ ᠶᠢᠨ ᠪᠥᠲᠥᠴᠡ ᠢᠯᠡᠳᠲᠡ ᠰᠢᠯᠢᠳᠡᠭᠵᠢᠪᠠ᠃ ᠡᠳ᠋ ᠤᠨ | ᠵᠠᠰᠠᠭ ᠤᠨ ᠣᠷᠣᠯᠭ᠎ᠠ ᠶᠢᠨ ᠨᠡᠮᠡᠭᠳᠡᠯ ᠭᠥᠴᠢᠷ ᠲᠠᠢ᠂ ᠣᠷᠣᠯᠭ᠎ᠠ ᠵᠠᠷᠣᠯᠭ᠎ᠠ ᠶᠢᠨ ᠵᠥᠷᠢᠴᠡᠯ ᠲᠣᠪᠣᠶᠢᠮᠠᠪᠠᠶᠢᠳᠡᠯ | ᠲᠣᠣᠷ᠎ᠠ᠂ ᠡᠳ᠋ ᠤᠨ ᠬᠦᠴᠦᠨ ᠢ ᠰᠢᠨᠵᠢᠯᠡᠬᠦ ᠣᠬᠠᠭᠠᠨᠴᠢ ᠪᠠᠷ ᠨᠢᠭᠡᠳᠬᠡᠵᠣ᠂ ᠡᠳ᠋ ᠤᠨ ᠬᠦᠴᠦᠨ ᠢᠶᠠᠨ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠭᠳᠠᠭᠠᠭᠰᠡᠨ ᠠᠷᠠᠳ ᠢ ᠬᠠᠷᠭᠠᠯᠵᠠᠬᠤ 9 | ᠵᠣᠶᠢᠯ ᠤᠨ ᠶᠠᠪᠣᠳᠠᠯ ᠳᠤ ᠲᠦᠪᠯᠡᠷᠡᠭᠦᠯᠵᠣ᠂ ᠠᠷᠠᠤᠨ ᠤᠨ ᠠᠮᠢᠳᠤᠷᠠᠯ ᠳᠤ 19.08 ᠳ᠋ᠦᠩᠰᠢᠭᠤᠷ ᠲᠦᠬᠦᠷᠢᠭ | ᠵᠠᠷᠤᠴᠠᠭᠤᠯᠵᠤ᠂ ᠶᠡᠷᠤᠩᠬᠡᠢ ᠵᠠᠷᠤᠯᠭ᠎ᠠ ᠶᠢᠨ 72% ᠶᠢ ᠡᠵᠡᠯᠡᠪᠠ᠃ ᠠᠵᠢᠯ ᠣᠯᠭᠤᠯᠳᠠ ᠪᠣᠯᠣᠨ ᠲᠡᠬᠢᠨ ᠠᠵᠢᠯ | ᠣᠯᠭᠤᠯᠳᠠ ᠳᠤ 556 ᠲᠦᠮᠡᠨ ᠲᠦᠭᠦᠷᠢᠭ ᠵᠠᠷᠣᠴᠠᠭᠤᠯᠵᠣ᠂ ᠣᠶᠢᠯᠠᠰ ᠪᠣᠰᠬᠠᠵᠣ ᠠᠵᠢᠯ ᠣᠯᠬᠤ ᠪᠠᠭ᠎ᠠ ᠲᠣᠭᠠᠨ | ᠤ ᠵᠢᠭᠡᠯᠡᠯᠭᠡ ᠶᠢ 2800 ᠲᠦᠮᠡᠨ ᠲᠦᠭᠦᠷᠢᠭ ᠲᠠᠯᠪᠢᠵᠣ᠂ ᠰᠢᠯᠵᠢᠭᠰᠡᠨ ᠮᠠᠯᠴᠢᠨ ᠲᠠᠷᠢᠶᠠᠴᠢᠳ ᠤᠨ ᠠᠵᠢᠯ | ᠣᠯᠣᠯᠳᠠ ᠶᠢᠨ ᠱᠠᠩᠨᠡᠯ ᠤᠨ ᠲᠦᠷᠦ ᠶᠢᠨ ᠪᠣᠳᠣᠯᠭ᠎ᠠ ᠶᠢ ᠦᠨᠡᠨ ᠬᠦ ᠨᠠᠶᠢᠳᠡᠪᠦᠷᠢᠵᠢᠭᠤᠯᠵᠣ᠂ ᠲᠡᠲᠡᠨ ᠤ ᠣᠶᠢᠯᠠᠰ | ᠪᠦᠳᠦᠭᠡᠨ ᠠᠵᠢᠯ ᠣᠯᠬᠤ ᠶᠢ ᠠᠬᠢᠭᠤᠯᠪᠠ᠃ ᠨᠡᠶᠢᠭᠡᠮ ᠤᠨ ᠪᠠᠳᠣᠯᠭ᠎ᠠ ᠳᠤ 1.89 ᠳ᠋ᠦᠩᠰᠢᠭᠤᠷ ᠲᠦᠭᠦᠷᠢᠭ | ᠵᠠᠷᠣᠴᠠᠭᠤᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠨ | ᠪᠠᠶᠢᠭᠤᠯᠣᠯᠳᠠ ᠶᠢ ᠲᠦᠷᠭᠡᠳᠬᠡᠵᠤ᠂ ᠨᠡᠶᠢᠬᠡᠮ ᠤᠨ ᠪᠠᠲᠤᠯᠠᠭ᠎ᠠ ᠶᠢᠨ ᠪᠦᠷᠬᠦᠴᠡ ᠶᠢ ᠲᠠᠰᠤᠷᠠᠯᠳᠠ ᠥᠬᠡᠢ | ᠥᠷᠭᠡᠳᠬᠡᠨ᠂ ᠪᠦᠬᠦ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ | ᠬᠤᠷᠰᠢᠭᠰᠠᠨ ᠡᠮ ᠡᠮᠨᠡᠯᠬᠡ ᠶᠢᠨ ᠪᠦᠬᠦ ᠪᠦᠷᠬᠦᠴᠡ ᠶᠢ ᠪᠡᠶᠡᠯᠡᠬᠦᠯᠪᠡ︔ ᠲᠤᠤᠷ᠎ᠠ ᠪᠠᠲᠤᠯᠠᠭ᠎ᠠ ᠶᠢᠨ ᠲᠡᠳᠬᠦᠮᠵᠢ | ᠮᠥᠩᠬᠦ ᠶᠢ 2333.4 ᠲᠥᠮᠡᠨ ᠲᠦᠭᠦᠷᠢᠭ ᠲᠠᠯᠪᠢᠵᠤ᠂ ᠬᠤᠳᠠ ᠭᠦᠳᠡᠭᠡ ᠶᠢᠨ 4715 ᠬᠦᠴᠢᠷᠳᠡᠯᠲᠡᠢ ᠡᠷᠥᠬᠡ | ᠶᠢᠨ 6282 ᠬᠦᠮᠥᠨ ᠢ ᠬᠠᠷᠠᠭᠠᠯᠵᠠᠪᠠ︔ ᠳᠠᠪᠤᠨ ᠪᠠᠳᠤᠯᠠᠭᠠᠳᠤ ᠡᠷᠤᠬᠡ ᠶᠢ ᠲᠦᠪᠯᠡᠷᠡᠩᠬᠦᠢ ᠪᠠ ᠳᠠᠷᠬᠠᠢ ᠪᠠᠷ | ᠠᠰᠠᠷᠠᠨ ᠲᠡᠳᠭᠦᠭᠦ ᠪᠠᠷᠢᠮᠵᠢᠶ᠎ᠠ ᠶᠢ ᠳᠡᠬᠡᠭᠰᠢᠯᠡᠬᠦᠯᠦᠬᠡᠤᠨ ᠬᠦᠮᠤᠨ ᠪᠦᠷᠢ ᠵᠢᠯ ᠲᠣᠳᠣᠮ ᠳᠤᠰᠪᠤᠷᠢ 10000 | ᠲᠦᠬᠦᠷᠢᠭ ᠪᠠ 6000 ᠲᠦᠬᠦᠷᠢᠭ ᠲᠤ ᠬᠦᠷᠭᠡᠪᠡ︔ ᠰᠢᠨ᠎ᠠ ᠮᠠᠶ᠋ᠢᠭ ᠤᠨ ᠬᠤᠷᠰᠢᠭᠰᠡᠨ ᠡᠮ ᠡᠮᠨᠡᠯᠬᠡ ᠪᠠ | ᠬᠤᠳᠠᠯᠳᠤᠭᠠᠨ ᠤ ᠨᠦᠬᠦᠪᠤᠷᠢ ᠳᠠᠭᠠᠤᠨᠬᠠᠯ ᠢ ᠤᠶᠠᠯᠳᠤᠭᠤᠯᠬᠤ᠂ ᠮᠠᠯᠴᠢᠨ ᠳᠠᠷᠢᠶᠠᠴᠢᠤᠨ ︽ᠤᠷᠢᠳᠠᠪᠠᠷ | ᠡᠮᠴᠢᠯᠡᠬᠦᠯᠵᠤ᠂ ᠳᠠᠷᠠᠭ᠎ᠠ ᠨᠢ ᠵᠠᠷᠤᠳᠠᠯ ᠳᠤᠰᠢᠶᠠᠬᠤ︾ ᠴᠠᠭ ᠳᠤᠬᠠᠢ ᠳᠤ ᠨᠢ ᠳᠤᠭᠠᠴᠠᠭ᠎ᠠ ᠬᠢᠬᠦ ᠶᠢ ᠪᠦᠬᠦ ᠬᠤᠳᠠ | ᠳᠤ ᠪᠠᠨ ᠳᠡᠷᠢᠬᠦᠯᠡᠨ ᠬᠡᠷᠡᠭᠵᠢᠬᠦᠯᠪᠠ᠃ ᠬᠤᠳᠠ ᠬᠦᠳᠡᠭᠡ ᠶᠢᠨ ᠲᠤᠤᠷ᠎ᠠ ᠪᠠᠳᠤᠯᠠᠭᠠᠳᠤ ᠡᠷᠥᠬᠡ ᠶᠢᠨ ᠨᠡᠶᠢᠬᠡᠮ ᠤᠨ | ᠳᠠᠭᠠᠳᠬᠠᠯ᠂ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠲᠠᠩᠰᠠᠨ ᠠᠴᠠ ᠲᠠᠶᠢᠯᠬᠤ ᠪᠠᠷᠢᠮᠵᠢᠶ᠎ᠠ ᠶᠢ ᠤᠭ ᠤᠨ | ᠰᠠᠭᠤᠷᠢᠨ ᠳᠡᠭᠡᠷ᠎ᠠ ᠳᠠᠬᠢᠨ 20% ᠨᠡᠮᠡᠭᠳᠡᠬᠦᠯᠵᠤ᠂ ᠲᠠᠪᠤᠨ ᠪᠠᠳᠤᠯᠠᠭᠠᠳᠤ ᠡᠷᠥᠬᠡ᠂ ᠭᠤᠷᠪᠠ ᠥᠬᠡᠢ ᠬᠦᠮᠦᠰ᠂ | ᠥᠨᠥᠴᠢᠨ ᠬᠡᠤᠬᠡᠳ ᠵᠢᠴᠢ ᠭᠤᠤᠯᠳᠠᠯᠭ᠎ᠠ ᠲᠠᠢ ᠬᠠᠷᠠᠭᠠᠯᠵᠠᠬᠤ ᠡᠳᠡᠭᠡᠳ ᠤᠨ ᠲᠠᠩᠰᠠ ᠲᠠᠶᠢᠯᠬᠤ ᠨᠤᠷᠮ᠎ᠠ ᠶᠢᠨ | ᠬᠠᠷᠢᠴᠠᠯ ᠢ 100% ᠪᠤᠯᠭᠠᠪᠠ︔ ᠪᠦᠬᠦ ᠵᠢᠯ ᠳᠤ 285 ᠬᠦᠨᠳᠤ ᠡᠪᠡᠳᠴᠢᠳᠡᠨ ᠢ ᠠᠪᠣᠷᠠᠨ ᠲᠣᠰᠠᠯᠠᠵᠣ᠂ 141 | ᠲᠥᠮᠡᠨ ᠲᠥᠭᠦᠷᠢᠭ ᠡᠮᠨᠡᠯᠬᠡ ᠶᠢᠨ ᠨᠦᠬᠦᠪᠤᠷᠢ ᠮᠥᠩᠬᠦ ᠲᠠᠯᠪᠢᠪᠠ᠃ 75 ᠨᠠᠰᠤᠨ ᠠᠴᠠ ᠳᠡᠬᠡᠭᠰᠢᠬᠢ | ᠨᠠᠰᠤᠳᠠᠶᠢᠴᠤᠤᠨ ᠲᠤ 371.22 ᠲᠦᠮᠡᠨ ᠲᠦᠬᠦᠷᠢᠭ ᠤᠨ ᠦᠨᠳᠤᠷ ᠨᠠᠰᠤᠳᠠᠳ ᠤᠨ ᠨᠦᠬᠦᠪᠤᠷᠢ ᠮᠦᠩᠬᠦ | ᠳᠠᠯᠪᠢᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠥᠢᠯᠡᠰ ᠲᠤ 1.12 ᠳ᠋ᠥᠩᠰᠢᠭᠤᠷ ᠲᠦᠬᠦᠷᠢᠭ | ᠵᠠᠷᠤᠴᠠᠭᠤᠯᠵᠤ᠂ 20 ᠶᠡᠭᠡ ᠡᠪᠡᠳᠴᠢᠨ ᠢ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ | ᠡᠮ ᠡᠮᠨᠡᠯᠭᠡ ᠶᠢᠨ ᠲᠠᠭᠠᠳᠬᠠᠯ ᠤᠨ ᠭᠥᠷᠢᠶᠡᠨ ᠳᠤ ᠪᠠᠭᠳᠠᠭᠠᠵᠤ᠂ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠬᠡ᠂ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ | ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠ ᠶᠢᠨ ᠱᠠᠳᠣᠨ ᠤ ᠲᠥᠯᠥᠪᠵᠢᠬᠦᠯᠭᠡ ᠶᠢ ᠪᠡᠶᠡᠯᠡᠬᠦᠯᠪᠡ︔ ᠰᠢᠨ᠎ᠠ ᠮᠠᠶ᠋ᠢᠭ | ᠤᠨ ᠬᠤᠷᠰᠢᠭᠰᠠᠨ ᠡᠮᠨᠡᠯᠬᠡ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠤᠨ | ᠲᠠᠩᠰᠠᠨ ᠠᠴᠠ ᠲᠠᠶᠢᠯᠬᠤ ᠬᠠᠮᠤᠭ ᠥᠨᠳᠤᠷ ᠪᠠᠷᠢᠮᠵᠢᠶ᠎ᠠ ᠶᠢ ᠳᠡᠭᠡᠭᠰᠢᠯᠡᠬᠦᠯᠥᠬᠡᠳ 20 ᠲᠥᠮᠡᠨ ᠲᠦᠬᠦᠷᠢᠭ ᠲᠤ | ᠬᠦᠷᠬᠡᠪᠠ᠃ ᠰᠤᠷᠭᠠᠨ ᠬᠦᠮᠥᠵᠢᠯ ᠤᠨ ᠥᠢᠯᠡᠰ ᠲᠤ 3.12 ᠳ᠋ᠥᠩᠰᠢᠭᠤᠷ ᠲᠦᠬᠦᠷᠢᠭ ᠵᠠᠷᠤᠴᠠᠭᠤᠯᠤᠨ ᠪᠡᠯᠡ | ᠣᠷᠣᠭᠤᠯᠣᠯᠳᠠ ᠶᠢ ᠥᠷᠬᠦᠯᠵᠢᠯᠡᠨ ᠨᠡᠮᠡᠭᠳᠡᠭᠦᠯᠵᠣ᠂ ᠵᠢᠭᠠᠨ ᠰᠣᠷᠭᠠᠬᠤ ᠤᠷᠴᠢᠨ ᠢ ᠲᠠᠰᠤᠷᠠᠯᠳᠠ ᠥᠬᠡᠢ | ᠰᠠᠶᠢᠵᠢᠷᠠᠭᠤᠯᠪᠠ᠃ ︽ᠪᠠᠭᠠᠴᠤᠳ ᠬᠡᠤᠬᠡᠳ ᠤᠨ ᠰᠢᠮ᠎ᠠ ᠲᠡᠵᠢᠬᠡᠯᠲᠤ ᠥᠷᠯᠥᠬᠡᠨ ᠤ ᠬᠤᠭᠤᠯᠠ —— | ᠥᠨᠳᠡᠭᠡ ᠰᠥᠨ ᠤ ᠢᠨᠵᠧᠨᠧᠷᠢᠩ︾ ᠤᠨ ᠪᠦᠷᠬᠦᠴᠡ ᠶᠢ ᠥᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠪᠠᠭᠰᠢ | ᠨᠠᠷ ᠤᠨ ᠠᠮᠢᠳᠤᠷᠠᠯ ᠤᠨ ᠨᠦᠬᠦᠪᠤᠷᠢ ᠤᠯᠭᠤᠮᠵᠢ ᠶᠢ ᠪᠦᠬᠦ ᠲᠠᠯ᠎ᠠ ᠪᠠᠷ ᠨᠠᠶᠢᠳᠡᠪᠦᠷᠢᠵᠢᠭᠤᠯᠪᠠ᠃ ᠰᠤᠶᠤᠯ ᠲᠠᠮᠢᠷ | ᠪᠤᠯᠤᠨ ᠵᠠᠭᠤᠴᠢᠯᠠᠭᠤᠷ ᠤᠨ ᠥᠢᠯᠡᠰ ᠲᠤ 0.3 ᠳ᠋ᠥᠩᠰᠢᠭᠤᠷ ᠲᠦᠬᠦᠷᠢᠭ ᠵᠠᠷᠤᠴᠠᠭᠤᠯᠵᠤ᠂ ᠵᠠᠰᠠᠭ ᠤᠨ ᠤᠷᠳᠤᠨ | ᠠᠴᠠ ᠪᠡᠯᠡ ᠤᠷᠤᠭᠤᠯᠤᠭᠰᠠᠨ ᠰᠤᠶᠤᠯ ᠲᠠᠮᠢᠷ ᠤᠨ ᠡᠯ᠎ᠡ ᠵᠣᠶᠢᠯ ᠤᠨ ᠲᠤᠨᠤᠭ ᠲᠦᠬᠦᠭᠡᠷᠤᠮᠵᠢ ᠶᠢ ᠪᠦᠬᠦᠨ ᠢ | ᠲᠦᠯᠦᠪᠦᠷᠢ ᠥᠬᠡᠢ ᠭᠡᠷᠡᠭᠯᠡᠭᠦᠯᠪᠡ᠃ ᠬᠤᠳᠠ ᠭᠥᠳᠡᠭᠡ ᠶᠢᠨ ᠥᠨᠳᠤᠰᠤᠨ ᠱᠠᠳᠤᠨ ᠤ ᠰᠤᠶᠤᠯ ᠤᠨ ᠥᠢᠯᠡᠴᠢᠯᠡᠭᠡᠨ | ᠤ ᠲᠥᠪ ᠢ 4 ᠪᠠᠶᠢᠭᠤᠯᠵᠤ᠂ ᠰᠤᠶᠤᠯ ᠤᠨ ᠮᠡᠳᠡᠭᠡ ᠵᠠᠩᠬᠢ ᠶᠢᠨ ᠡᠬᠢ ᠰᠤᠷᠪᠤᠯᠵᠢ ᠶᠢᠨ ᠥᠢᠯᠡᠴᠢᠯᠡᠭᠡ ᠶᠢᠨ ᠪᠦᠬᠦ | ᠪᠦᠷᠬᠦᠴᠡ ᠶᠢ ᠪᠡᠶᠡᠯᠡᠬᠦᠯᠪᠡ᠃ ᠪᠠᠲᠤᠯᠠᠭ᠎ᠠ ᠶᠢᠨ ᠤᠷᠤᠨ ᠰᠠᠭᠤᠴᠠ ᠶᠢᠨ ᠪᠠᠶᠢᠭᠤᠯᠤᠯᠳᠠ ᠳᠤ 0.41 ᠳ᠋ᠥᠩᠰᠢᠭᠤᠷ | ᠲᠦᠬᠦᠷᠢᠭ ᠵᠠᠷᠤᠴᠠᠭᠤᠯᠵᠤ᠂ 1322 ᠲᠦᠬᠦᠷ ᠤᠷᠤᠨ ᠰᠠᠭᠤᠴᠠ ᠲᠡᠮᠵᠢᠨ ᠪᠠᠶᠢᠭᠤᠯᠪᠠ᠃ ᠮᠠᠯᠵᠢᠬᠤ ᠲᠠᠷᠢᠶᠠᠯᠠᠬᠤ | ᠤᠷᠤᠨ ᠤ 200 ᠡᠷᠥᠬᠡ ᠶᠢᠨ ᠨᠤᠷᠠᠬᠤ ᠠᠶᠥᠯ ᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠲᠠᠷᠢᠶᠠᠯᠠᠩ ᠤᠢ | ᠤᠰᠤᠨ ᠶᠠᠪᠤᠳᠠᠯ ᠤᠨ ᠥᠢᠯᠡᠰ ᠲᠤ 8.34 ᠳ᠋ᠥᠩᠰᠢᠭᠤᠷ ᠲᠦᠬᠦᠷᠢᠭ ᠵᠠᠷᠤᠴᠠᠭᠤᠯᠵᠤ᠂ ᠠᠮᠤ ᠪᠤᠳᠠᠭᠠᠨ ᠤ | ᠰᠢᠭᠤᠳ ᠨᠦᠬᠦᠪᠤᠷᠢ 85 ᠲᠥᠮᠡᠨ ᠲᠦᠬᠦᠷᠢᠭ᠂ ᠲᠠᠷᠢᠶᠠᠯᠠᠩ ᠤᠨ ᠡᠳ᠋ ᠪᠤᠳᠠᠰ ᠤᠨ ᠶᠡᠷᠤᠩᠬᠡᠶᠢᠯᠡᠭᠰᠡᠨ ᠨᠥᠭᠦᠪᠥᠷᠢ | 1407 ᠲᠥᠮᠡᠨ ᠲᠥᠭᠦᠷᠢᠭ᠂ ᠪᠠᠶᠢᠭᠠᠯᠢ ᠶᠢᠨ ᠤᠢ ᠬᠠᠮᠠᠭᠠᠯᠠᠬᠤ ᠢᠨᠵᠧᠨᠧᠷᠢᠩ ᠤᠨ ᠪᠡᠯᠡ ᠮᠥᠩᠬᠦ 1801 | ᠲᠥᠮᠡᠨ ᠲᠦᠬᠦᠷᠢᠭ᠂ ᠤᠢ ᠰᠢᠭᠤᠢ ᠠᠮᠢ ᠠᠬᠤᠢ ᠶᠢᠨ ᠥᠷ᠎ᠡ ᠠᠰᠢᠭ ᠤᠨ ᠨᠦᠬᠦᠪᠤᠷᠢ ᠰᠠᠭᠤᠷᠢ | ᠮᠥᠩᠬᠦ 1258.76 ᠲᠥᠮᠡᠨ ᠲᠦᠬᠦᠷᠢᠭ᠂ ᠨᠤᠳᠤᠭ ᠪᠠᠯᠴᠢᠬᠡᠷ ᠤᠨ ᠠᠮᠢ ᠠᠬᠤᠢ ᠶᠢᠨ ᠨᠦᠬᠦᠪᠤᠷᠢ ᠱᠠᠩᠨᠠᠯ ᠤᠨ | ᠮᠦᠩᠬᠦ 7863.19 ᠲᠦᠮᠡᠨ ᠲᠦᠬᠦᠷᠢᠭ᠂ ᠴᠢᠨᠠᠷ ᠰᠠᠶᠢᠳᠠᠢ ᠲᠡᠵᠢᠭᠡᠯ ᠡᠪᠡᠰᠦ ᠲᠠᠷᠢᠬᠤ ᠨᠦᠬᠦᠪᠤᠷᠢ ᠮᠥᠩᠬᠦ | 1559.1 ᠲᠥᠮᠡᠨ ᠲᠦᠬᠦᠷᠢᠭ᠂ ᠳᠠᠷᠢᠶᠠᠯᠠᠩ ᠤᠨ ᠮᠠᠰᠢᠨ ᠤ ᠨᠥᠭᠦᠪᠥᠷᠢ ᠮᠥᠩᠭᠦ 688.07 ᠲᠥᠮᠡᠨ | ᠲᠥᠭᠦᠷᠢᠭ ᠲᠠᠯᠪᠢᠵᠣ᠂ ᠰᠢᠯᠵᠢᠭᠰᠡᠨ ᠮᠠᠯᠴᠢᠨ ᠲᠠᠷᠢᠶᠠᠴᠢᠳ ᠲᠤ 12235.62 ᠲᠥᠮᠡᠨ ᠲᠦᠬᠦᠷᠢᠭ ᠠᠮᠢᠳᠤᠷᠠᠯ | ᠤᠨ ᠨᠦᠬᠦᠪᠤᠷᠢ ᠮᠥᠩᠬᠦ ᠣᠯᠭᠤᠵᠣ᠂ 4 ᠰᠠᠭᠤᠷᠢ ᠲᠥᠭᠡᠭᠡᠯ ᠤᠰᠤᠨ ᠤ ᠢᠨᠵᠧᠨᠧᠷᠢᠩ ᠰᠢᠨ᠎ᠠ ᠪᠠᠷ ᠪᠠᠶᠢᠭᠤᠯᠵᠤ᠂ | 2500 ᠬᠦᠮᠥᠨ ᠤ ᠤᠰᠤ ᠣᠮᠳᠠ ᠶᠢᠨ ᠭᠥᠴᠢᠷᠳᠡᠯ ᠢ ᠰᠢᠢᠳᠪᠤᠷᠢᠯᠡᠪᠡ᠃《 ᠨᠢᠭᠡ ᠬᠡᠷᠡᠭ ᠢ ᠨᠢᠭᠡ | ᠵᠥᠪᠯᠡᠬᠦ 》ᠱᠠᠩᠨᠠᠨ ᠨᠥᠭᠦᠪᠥᠷᠢᠯᠡᠬᠦ 23 ᠲᠥᠷᠥᠯ ᠵᠥᠢᠯ ᠢ ᠲᠡᠮᠡᠴᠡᠨ ᠤᠯᠵᠤ᠂ 20 ᠶᠢ ᠨᠢ ᠪᠥᠲᠥᠬᠡᠨ | ᠪᠠᠶᠢᠭᠤᠯᠵᠣ᠂ 625 ᠲᠥᠮᠡᠨ ᠲᠦᠬᠦᠷᠢᠭ ᠱᠠᠩᠨᠡᠨ ᠨᠦᠬᠦᠪᠦᠷᠢᠯᠡᠵᠣ᠂ ᠮᠠᠯᠵᠢᠬᠤ ᠲᠠᠷᠢᠶᠠᠯᠠᠬᠤ ᠣᠷᠣᠨ ᠤ | ᠣᠶᠢᠯᠠᠳᠪᠦᠷᠢᠯᠠᠯ ᠠᠮᠢᠳᠣᠷᠠᠯ ᠤᠨ ᠨᠦᠭᠦᠴᠡᠯ ᠢ ᠣᠯᠠᠮ ᠰᠠᠶᠢᠵᠢᠷᠠᠭᠤᠯᠪᠠ᠃ | ︵ᠭᠤᠷᠪᠠ︶ ᠡᠳ᠋ ᠤᠨ ᠵᠠᠰᠠᠭ ᠤᠨ ᠳᠤᠭᠳᠠᠴᠠ ᠶᠢᠨ ᠦᠬᠡᠷᠡᠴᠢᠯᠠᠯᠳᠠ ᠬᠦᠨᠵᠡᠬᠡᠢ ᠠᠬᠢᠪᠠ᠃ ᠨᠢᠭᠡ ᠳᠤ᠂ | ᠲᠦᠰᠦᠪ ᠤᠨ ᠬᠠᠮᠢᠶᠠᠷᠤᠯᠳᠠ ᠶᠢᠨ ᠦᠬᠡᠷᠡᠴᠢᠯᠠᠯᠳᠠ ᠶᠢ ᠬᠦᠨᠵᠡᠭᠡᠶᠢᠷᠡᠬᠦᠯᠪᠡ᠃ ᠲᠦᠰᠤᠪ ᠤᠨ ᠳᠤᠭᠤᠷᠪᠢᠯᠠᠯᠳᠠ ᠶᠢ | ᠨᠠᠷᠢᠯᠢᠭᠵᠢᠭᠤᠯᠵᠤ᠂ ᠰᠢᠨᠵᠢᠯᠡᠬᠦ ᠤᠬᠠᠭᠠᠨᠴᠢ ᠲᠥᠰᠥᠪ ᠤᠨ ᠨᠤᠷᠮᠠᠴᠢᠯᠠᠯᠳᠠ ᠶᠢ ᠲᠡᠬᠦᠯᠳᠡᠷᠵᠢᠬᠦᠯᠥᠨ᠂ ᠲᠥᠰᠥᠪ ᠤᠨ | ᠲᠤᠭᠤᠷᠪᠢᠯᠠᠯᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠤ᠂ ︽ᠤᠷᠢᠳ ᠢᠶᠠᠷ ᠲᠥᠰᠥᠪᠯᠡᠵᠤ᠂ ᠲᠠᠷᠠᠭ᠎ᠠ ᠨᠢ | ᠵᠠᠷᠤᠬᠤ᠂ ᠲᠥᠰᠥᠪ ᠶᠤᠰᠤ ᠪᠠᠷ ᠭᠡᠷᠡᠭᠯᠡᠭᠦ︾ ᠵᠠᠷᠴᠢᠮ ᠢ ᠴᠢᠩᠭ᠎ᠠ ᠬᠡᠷᠡᠭᠵᠢᠬᠦᠯᠥᠨ᠂ ᠲᠥᠰᠥᠪ ᠤᠨ ᠵᠠᠷᠤᠯᠭ᠎ᠠ | ᠶᠢᠨ ᠡᠷᠬᠡ ᠬᠦᠨᠳᠤᠳᠤ ᠴᠢᠨᠠᠷ᠂ ᠬᠢᠵᠠᠭᠠᠷᠯᠠᠯᠳᠤ ᠴᠢᠨᠠᠷ᠂ ᠪᠥᠲᠥᠮᠵᠢᠳᠤ ᠴᠢᠨᠠᠷ ᠪᠠ ᠠᠮᠤᠷ ᠲᠥᠪᠰᠢᠨ ᠴᠢᠨᠠᠷ ᠢ | ᠳᠡᠭᠡᠭᠰᠢᠯᠡᠬᠦᠯᠪᠡ᠃ ᠬᠤᠶᠠᠷ ᠲᠤ᠂ ᠤᠯᠤᠰ ᠤᠨ ᠬᠦᠮᠥᠷᠭᠡ ᠠᠴᠠ ᠲᠥᠪᠯᠡᠷᠡᠬᠦᠯᠥᠨ ᠥᠭᠬᠦ ᠥᠭᠡᠷᠡᠴᠢᠯᠡᠯᠲᠡ ᠶᠢ | ᠳᠡᠬᠦᠯᠳᠡᠷᠵᠢᠬᠦᠯᠪᠡ᠃ ᠤᠯᠤᠰ ᠤᠨ ᠬᠦᠮᠥᠷᠭᠡ ᠠᠴᠠ ᠲᠥᠪᠯᠡᠷᠡᠬᠦᠯᠥᠨ ᠥᠭᠬᠦ ᠬᠦᠷᠢᠶ᠎ᠡ ᠬᠡᠪᠴᠢᠶ᠎ᠠ ᠶᠢ ᠥᠷᠭᠡᠳᠬᠡᠨ᠂ | ᠪᠡᠯᠡ ᠮᠥᠩᠬᠦᠨ ᠤ ᠵᠠᠮ ᠤᠨ ᠬᠤᠭᠤᠴᠠᠭ᠎ᠠ ᠶᠢ ᠪᠠᠭᠠᠰᠬᠠᠵᠤ᠂ ᠪᠡᠯᠡ ᠮᠥᠩᠬᠦᠨ ᠤ ᠠᠮᠤᠷ ᠲᠥᠪᠰᠢᠨ᠂ ᠥᠨᠳᠤᠷ | ᠠᠰᠢᠭᠲᠤ᠂ ᠲᠥᠷᠢᠮᠵᠢᠯᠲᠤ ᠠᠵᠢᠯᠯᠠᠭ᠎ᠠ ᠶᠢ ᠪᠠᠲᠤᠯᠠᠪᠠ᠃ ᠭᠤᠷᠪᠠ ᠳᠤ᠂ ᠵᠠᠷᠤᠯᠭ᠎ᠠ ᠶᠢᠨ ᠬᠠᠮᠢᠶᠠᠷᠤᠯᠳᠠ ᠶᠢᠨ | ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠥᠷᠳᠡᠭ ᠢ | ᠴᠢᠷᠮᠠᠶᠢᠨ ᠪᠠᠭᠤᠷᠠᠭᠤᠯᠪᠠ᠃ ᠲᠥᠷᠪᠡ ᠳᠤ᠂ ᠡᠳ᠋ ᠤᠨ ᠵᠠᠰᠠᠭ ᠤᠨ ᠭᠠᠵᠠᠷ ᠤᠨ ᠥᠭᠡᠷᠡᠴᠢᠯᠠᠯᠳᠠ ᠶᠢᠨ ᠠᠵᠢᠯ ᠢ | ᠱᠠᠭᠠᠷᠳᠠᠯᠭ᠎ᠠ ᠶᠤᠰᠤ ᠪᠠᠷ ᠪᠡᠶᠡᠯᠡᠬᠦᠯᠵᠤ᠂ ᠪᠠᠯᠭᠠᠰᠤᠨ ᠲᠡᠰ ᠤᠨ ᠡᠳ᠋ ᠤᠨ ᠵᠠᠰᠠᠭ ᠤᠨ ᠰᠢᠨᠵᠢᠯᠡᠬᠦ | ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠬᠢᠷᠢ ᠲᠥᠪᠰᠢᠨ ᠢ ᠪᠦᠬᠦ ᠲᠠᠯ᠎ᠠ ᠪᠠᠷ | ᠳᠡᠭᠡᠭᠰᠢᠯᠡᠬᠦᠯᠪᠡ᠃ ᠲᠠᠪᠤ ᠳᠤ ᠡᠵᠡᠩᠨᠡᠯᠲᠡ ᠶᠢᠨ ᠭᠠᠶᠢᠯᠢ ᠶᠢ ᠥᠷᠳᠡᠭ ᠤᠨ ᠨᠡᠮᠡᠭᠳᠡᠯ ᠭᠠᠶᠢᠯᠢ ᠪᠤᠯᠭᠠᠨ ᠥᠭᠡᠷᠡᠴᠢᠯᠠᠬᠦ | ᠲᠤᠷᠰᠢᠯᠳᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ᠂ ᠥᠭᠡᠷᠡᠴᠢᠯᠡᠯᠲᠡ ᠶᠢᠨ ᠭᠠᠵᠠᠷ ᠤᠷᠤᠨ ᠤ | ᠭᠤᠤᠯᠯᠠᠬᠤ ᠭᠠᠶᠢᠯᠢ ᠳᠤ ᠥᠵᠡᠬᠦᠯᠥᠭᠰᠡᠨ ᠨᠥᠯᠥᠬᠡ ᠶᠢ ᠬᠦᠨᠵᠡᠬᠡᠢ ᠵᠠᠳᠠᠯᠤᠨ᠂ ᠬᠡᠷᠡᠭᠯᠡᠬᠡᠨ ᠤ ᠭᠠᠶᠢᠯᠢ᠂ ᠡᠬᠢ | ᠪᠠᠶᠠᠯᠢᠭ ᠤᠨ ᠭᠠᠶᠢᠯᠢ ᠶᠢᠨ ᠥᠭᠡᠷᠡᠴᠢᠯᠠᠯᠳᠠ ᠶᠢᠨ ᠡᠮᠤᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠳᠠ ᠪᠠ | ᠲᠥᠰᠥᠭᠡᠯᠡᠨ ᠪᠤᠳᠤᠯᠳᠠ ᠶᠢᠨ ᠠᠵᠢᠯ ᠢ ᠢᠳᠡᠪᠬᠢᠲᠡᠢ ᠠᠬᠢᠭᠤᠯᠪᠠ᠃ | ︵ᠲᠦᠷᠪᠠ︶ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢᠨ ᠲᠦᠪᠰᠢᠨ ᠲᠠᠰᠤᠷᠠᠯᠳᠠ ᠥᠬᠡᠢ | ᠳᠡᠭᠡᠭᠰᠢᠯᠡᠪᠡ᠃ ᠨᠢᠭᠡ ᠳᠤ᠂ ᠡᠳ᠋ ᠤᠨ ᠵᠠᠰᠠᠭ ᠤᠨ ᠲᠤᠰᠬᠠᠢ ᠲᠠᠩᠰᠠ ᠡᠷᠥᠬᠡ ᠶᠢᠨ ᠴᠡᠭᠴᠡᠯᠡᠯᠲᠡ ᠶᠢᠨ ᠠᠵᠢᠯ ᠢ | ᠯᠠᠪᠳᠠᠭᠤᠨ ᠬᠢᠪᠠ᠃ ᠡᠳ᠋ ᠤᠨ ᠵᠠᠰᠠᠭ ᠤᠨ 14 ᠲᠤᠰᠬᠠᠢ ᠲᠠᠩᠰᠡ ᠡᠷᠥᠬᠡ ᠶᠢ ᠦᠭᠡᠶᠢᠰᠬᠡᠵᠤ᠂ 12 ᠲᠣᠰᠬᠠᠢ | ᠲᠠᠩᠰᠡ ᠡᠷᠦᠬᠡ ᠥᠯᠡᠳᠡᠭᠡᠨ᠂ ᠥᠯᠡᠳᠡᠭᠡᠭᠰᠡᠨ ᠲᠤᠰᠬᠠᠢ ᠲᠠᠩᠰᠡ ᠡᠷᠥᠬᠡ ᠳᠤ ᠰᠢᠰᠲ᠋ᠧᠮᠴᠢᠯᠡᠭᠰᠡᠨ ᠨᠢᠭᠡᠳᠤᠯᠲᠡᠢ | ᠬᠠᠮᠢᠶᠠᠷᠤᠯᠳᠠ ᠶᠢ ᠬᠡᠷᠡᠭᠵᠢᠬᠦᠯᠵᠤ᠂ ᠲᠤᠰᠬᠠᠢ ᠳᠠᠩᠰᠠ ᠡᠷᠥᠬᠡ ᠶᠢᠨ ᠬᠠᠮᠢᠶᠠᠷᠤᠯᠳᠠ ᠶᠢᠨ ᠲᠥᠷᠢᠮᠵᠢᠯ ᠪᠠ | ᠴᠤᠮᠬᠠᠳᠬᠠᠯ ᠢ ᠪᠡᠶᠡᠯᠡᠬᠦᠯᠪᠡ᠃ ᠬᠤᠶᠠᠷ ᠲᠤ᠂ ︽ᠤᠲᠤᠭ ᠤᠨ ᠡᠮᠤᠨᠡᠲᠤ ᠬᠤᠰᠢᠭᠤᠨ ᠤ ᠡᠳ᠋ ᠤᠨ ᠵᠠᠰᠠᠭ ᠤᠨ | ᠪᠡᠯᠡ ᠮᠥᠩᠬᠦᠨ ᠤ ᠠᠵᠢᠯᠯᠠᠭ᠎ᠠ ᠶᠢᠨ ᠬᠢᠨᠠᠨ ᠬᠠᠮᠢᠶᠠᠷᠠᠬᠤ ︵ᠲᠥᠷ ᠬᠡᠷᠡᠭᠵᠢᠬᠦᠯᠬᠦ︶ ᠠᠷᠭ᠎ᠠ︾ ᠲᠤᠭᠳᠠᠭᠠᠵᠤ᠂ ᠡᠳ᠋ | ᠤᠨ ᠵᠠᠰᠠᠭ ᠤᠨ ᠬᠢᠨᠠᠨ ᠪᠠᠶᠢᠴᠠᠭᠠᠬᠤ ᠲᠤᠪᠴᠢᠶ᠎ᠠ ᠲᠤᠬᠢᠷᠠᠭᠤᠯᠵᠤ᠂ ᠪᠡᠯᠡ ᠮᠥᠩᠬᠦᠨ ᠳᠤ ᠤᠷᠢᠳ ᠢᠶᠠᠷ ᠬᠢᠨᠠᠨ | ᠬᠠᠷᠭᠤᠭᠤᠯᠳᠠ ᠬᠢᠬᠦ᠂ ᠬᠡᠷᠡᠭᠯᠡᠯᠳᠠ ᠶᠢᠨ ᠶᠠᠪᠤᠴᠠ ᠳᠤ ᠮᠦᠷᠳᠡᠨ ᠬᠠᠮᠢᠶᠠᠷᠬᠤ᠂ ᠤᠷᠤᠨᠵᠢᠭᠰᠡᠨ ᠤ ᠬᠤᠶᠢᠨ᠎ᠠ | ᠦᠷ᠎ᠠ ᠠᠰᠢᠭ ᠢ ᠯᠠᠪᠯᠠᠬᠤ ᠪᠦᠬᠦ ᠲᠠᠯ᠎ᠠ ᠶᠢᠨ ᠬᠢᠨᠠᠨ ᠡᠵᠡᠮᠰᠢᠯᠳᠠ ᠬᠢᠵᠤ᠂ ᠪᠡᠯᠡ ᠮᠥᠩᠬᠦᠨ ᠤ ᠲᠥᠷᠢᠮᠵᠢᠯᠲᠤ | ᠴᠢᠨᠠᠷ᠂ ᠠᠮᠤᠷ ᠲᠥᠪᠰᠢᠨ ᠴᠢᠨᠠᠷ ᠪᠤᠯᠤᠨ ᠪᠥᠲᠥᠮᠵᠢᠲᠤ ᠴᠢᠨᠠᠷ ᠢ ᠪᠠᠳᠤᠯᠠᠪᠠ᠃ ᠭᠤᠷᠪᠠ ᠳᠤ᠂ ᠵᠠᠰᠠᠭ ᠤᠨ | ᠤᠷᠳᠤᠨ ᠤ ᠴᠢᠨᠠᠷ ᠲᠠᠢ ᠥᠷᠢ ᠥᠭᠴᠡᠭᠡᠨ ᠳᠤ ᠪᠦᠬᠦ ᠲᠠᠯ᠎ᠠ ᠶᠢᠨ ᠨᠠᠷᠢᠯᠢᠭ ᠬᠠᠷᠭᠤᠭᠤᠯᠳᠠ ᠬᠢᠵᠤ᠂ ᠵᠠᠰᠠᠭ ᠤᠨ | ᠤᠷᠳᠤᠨ ᠤ ᠴᠢᠨᠠᠷ ᠲᠠᠢ ᠥᠷᠢ ᠥᠭᠴᠡᠭᠡ ᠶᠢᠨ ᠰᠠᠭᠤᠷᠢ ᠲᠤᠭ᠎ᠠ ᠶᠢ ᠲᠣᠳᠣᠷᠬᠠᠶᠢᠯᠡᠪᠠ᠃ ︽ᠤᠲᠤᠭ ᠤᠨ | ᠡᠮᠤᠨᠡᠲᠤ ᠬᠤᠰᠢᠭᠤᠨ ᠤ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡ ᠶᠢᠨ ᠬᠠᠮᠢᠶᠠᠷᠤᠯᠳᠠ ︵ᠲᠥᠷ | ᠬᠡᠷᠡᠭᠵᠢᠬᠦᠯᠬᠦ︶ ᠶᠢᠨ ᠠᠷᠭ᠎ᠠ ︾᠂ ︽ᠤᠲᠤᠭ ᠤᠨ ᠡᠮᠤᠨᠡᠲᠤ ᠬᠤᠰᠢᠭᠤᠨ ᠤ ᠵᠠᠰᠠᠭ ᠤᠨ ᠤᠷᠳᠤᠨ ᠤ ᠴᠢᠨᠠᠷ ᠲᠠᠢ | ᠥᠷᠢ ᠥᠭᠴᠡᠭᠡ ᠶᠢ ᠰᠢᠢᠳᠪᠤᠷᠢᠯᠡᠬᠦ ᠲᠥᠰᠥᠯ︾ ᠲᠤᠭᠳᠠᠭᠠᠵᠤ᠂ ᠵᠠᠰᠠᠭ ᠤᠨ ᠤᠷᠳᠤᠨ ᠤ ᠴᠢᠨᠠᠷᠲᠡᠢ ᠥᠷᠢ | ᠥᠭᠴᠡᠭᠡᠨ ᠤ ᠲᠥᠷᠢᠮᠵᠢᠭᠰᠡᠨ ᠬᠠᠮᠢᠶᠠᠷᠤᠯᠳᠠ ᠶᠢ ᠪᠡᠶᠡᠯᠡᠬᠦᠯᠪᠡ᠃ ᠵᠠᠰᠠᠭ ᠤᠨ ᠤᠷᠳᠤᠨ ᠤ ᠴᠢᠨᠠᠷ ᠲᠠᠢ ᠥᠷᠢ | ᠦᠭᠴᠡᠭᠡ ᠶᠢ 12.36 ᠳ᠋ᠦᠩᠰᠢᠭᠤᠷ ᠲᠦᠬᠦᠷᠢᠭ ᠰᠢᠢᠤᠨᠪᠤᠷᠢᠯᠡᠵᠤ᠂ ᠦᠷᠢ ᠦᠭᠴᠡᠭᠡ ᠶᠢᠨ ᠶᠡᠷᠤᠩᠬᠡᠢ ᠳᠤᠭ᠎ᠠ ᠶᠢ | 29.6% ᠪᠠᠭᠠᠰᠬᠠᠵᠤ᠂ ᠬᠤᠳᠠ ᠠᠴᠠ ᠳᠤᠭᠳᠠᠭᠠᠭᠰᠡᠨ ᠦᠷᠢ ᠦᠭᠴᠡᠭᠡ ᠢ ᠰᠢᠢᠤᠨᠪᠤᠷᠢᠯᠡᠬᠦ ᠡᠬᠦᠷᠬᠡ ᠪᠠᠨ | 100% ᠪᠠᠷ ᠪᠡᠶᠡᠯᠡᠬᠦᠯᠪᠠ᠃ ᠲᠦᠷᠪᠠ ᠳᠤ᠂ ︽ᠭᠤᠷᠪᠠ ᠶᠢ ᠪᠠᠳᠤᠯᠠᠨ᠂ ᠬᠤᠶᠠᠷ ᠢ ᠪᠠᠭᠠᠰᠬᠠᠬᠤ︾ | ᠱᠠᠭᠠᠷᠳᠠᠯᠭ᠎ᠠ ᠶᠤᠰᠤ ᠪᠠᠷ᠂ ︽ᠭᠤᠷᠪᠠᠨ ᠠᠯᠪᠠᠨ ᠤ ᠵᠠᠷᠤᠳᠠᠯ︾ ᠢ ᠶᠡᠭᠡ ᠪᠠᠷ ᠪᠠᠭᠠᠰᠬᠠᠵᠤ᠂ ︽ᠭᠤᠷᠪᠠᠨ | ᠠᠯᠪᠠᠨ︾ ᠤ ᠵᠠᠷᠤᠳᠠᠯ ᠪᠠ ᠶᠡᠷᠤ ᠶᠢᠨ ᠴᠢᠨᠠᠷ ᠲᠠᠢ ᠵᠠᠷᠤᠯᠭ᠎ᠠ ᠶᠢ ᠲᠤᠰᠪᠤᠷᠢ 35.29% ᠪᠠ 5.56% | ᠪᠠᠭᠠᠰᠬᠠᠵᠤ᠂ ᠬᠢᠵᠠᠭᠠᠷᠳᠠᠢ ᠡᠳ᠋ ᠤᠨ ᠵᠠᠰᠠᠭ ᠤᠨ ᠪᠡᠯᠡ ᠮᠦᠩᠬᠦ ᠶᠢ ᠥᠨᠡᠨ ᠭᠦ ᠪᠤᠳᠠᠳᠤ ᠭᠠᠵᠠᠷ ᠲᠤ ᠨᠢ | ᠬᠡᠷᠡᠭᠯᠡᠵᠤ᠂ ᠪᠤᠳᠠᠳᠤ ᠤᠶᠢᠯᠡᠳᠤᠯ ᠢ ᠳᠤᠪᠤᠶᠢᠮ᠎ᠠ ᠪᠠᠳᠠᠷᠠᠭᠤᠯᠪᠠ᠃ | ᠠᠮᠵᠢᠯᠲᠡ ᠪᠠᠨ ᠨᠤᠳᠠᠯᠠᠬᠤ ᠶᠢᠨ ᠬᠠᠮᠲᠤ᠂ ᠪᠢᠲᠡ ᠪᠠᠰᠠ ᠤᠳᠤᠬᠠᠨ ᠤ ᠡᠳ᠋ ᠤᠨ ᠵᠠᠰᠠᠭ ᠤᠨ ᠠᠵᠢᠯ | ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢᠶᠠᠨ ᠰᠡᠷᠭᠡᠭ ᠢᠶᠠᠷ ᠳᠠᠨᠢᠬᠤ ᠬᠡᠷᠡᠭᠲᠡᠢ᠄ ᠡᠳ᠋ ᠤᠨ | ᠢᠷᠠᠯᠳᠠ ᠶᠢᠨ ᠪᠦᠳᠤᠴᠠ ᠰᠢᠯᠢᠳᠡᠭ ᠪᠤᠰᠤ᠂ ᠳᠤᠳᠤᠭᠠᠳᠤ ᠬᠦᠳᠡᠯᠬᠡᠭᠴᠢ ᠬᠦᠴᠤᠨ ᠬᠦᠢᠴᠡᠤᠨ ᠪᠤᠰᠤ᠂ ᠡᠳ᠋ ᠤᠨ | ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠬᠦᠴᠤᠨ ᠪᠠᠭᠤᠷᠠᠢ ᠠᠰᠠᠭᠤᠳᠠᠯ ᠮᠦᠨ ᠬᠦ ᠤᠷᠤᠰᠢᠵᠤ᠂ ᠡᠳ᠋ ᠤᠨ ᠵᠠᠰᠠᠭ | ᠤᠨ ᠤᠷᠤᠯᠭ᠎ᠠ ᠶᠢ ᠦᠷᠬᠦᠯᠵᠢᠯᠠᠨ ᠳᠤᠭᠳᠠᠭᠤᠨ ᠢᠶᠠᠷ ᠨᠡᠮᠡᠭᠳᠡᠬᠦᠯᠬᠦ ᠶᠢ ᠪᠠᠳᠤᠯᠠᠬᠤ ᠳᠠᠷᠤᠯᠳᠠ ᠨᠡᠯᠢᠶᠡᠤᠨ ᠶᠡᠭᠡ ᠪᠤᠢ︔ | ᠨᠠᠶᠢᠬᠡᠮ ᠤᠨ ᠤᠶᠢᠯᠡᠰ᠂ ᠠᠷᠠᠤᠨ ᠤᠨ ᠠᠮᠢᠳᠤᠷᠠᠯ ᠤᠨ ᠪᠠᠳᠤᠯᠠᠭ᠎ᠠ ᠵᠡᠷᠬᠡ ᠲᠦᠷᠤ ᠶᠢᠨ ᠪᠤᠳᠤᠯᠭ᠎ᠠ ᠶᠢᠨ ᠴᠢᠨᠠᠷ | ᠲᠠᠢ ᠵᠠᠷᠤᠯᠭ᠎ᠠ ᠶᠢᠨ ᠲᠦᠷᠤᠯ ᠵᠦᠢᠯ ᠳᠠᠰᠤᠷᠠᠯᠳᠠ ᠦᠬᠡᠢ ᠨᠡᠮᠡᠭᠳᠡᠵᠤ᠂ ᠬᠤᠳᠠ ᠬᠦᠳᠡᠭᠡ ᠶᠢ ᠨᠢᠬᠡᠳᠤᠯᠳᠠᠢ | ᠲᠦᠯᠤᠪᠵᠢᠬᠦᠯᠬᠦ ᠳᠤᠷᠰᠢᠯᠳᠠ ᠶᠢᠨ ᠴᠡᠭ᠂ ᠭᠤᠤᠯᠳᠠᠯᠭᠠᠳᠤ ᠲᠦᠷᠤᠯ ᠵᠦᠢᠯ ᠤᠨ ᠦᠷᠬᠦᠯᠵᠢᠯᠠᠯ ᠪᠠᠶᠢᠭᠤᠯᠤᠯᠳᠠ ᠳᠤ | ᠬᠡᠷᠡᠭᠰᠡᠬᠦ ᠪᠡᠯᠡ ᠮᠦᠩᠬᠦ ᠶᠡᠭᠡ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠳᠤᠩ ᠬᠤᠷᠴᠠ ᠪᠤᠢ ︔ | ᠡᠳ᠋ ᠤᠨ ᠵᠠᠰᠠᠭ ᠤᠨ ᠬᠠᠮᠢᠶᠠᠷᠤᠯᠳᠠ ᠶᠢᠨ ᠰᠠᠭᠤᠷᠢ ᠠᠵᠢᠯ ᠢ ᠤᠯᠠᠮ ᠴᠢᠩᠭᠠᠤᠨᠬᠠᠵᠤ᠂ ᠡᠳ᠋ ᠤᠨ ᠵᠠᠰᠠᠭ ᠤᠨ ᠪᠡᠯᠡ | ᠮᠦᠩᠬᠦ ᠶᠢᠨ ᠬᠠᠮᠢᠶᠠᠷᠤᠯᠳᠠ ᠶᠢᠨ ᠪᠦᠳᠤᠮᠵᠢ ᠶᠢ ᠤᠯᠠᠮ ᠨᠢᠬᠡ ᠠᠯᠬᠤᠮ ᠳᠡᠬᠡᠭᠰᠢᠯᠡᠬᠦᠯᠬᠦ ᠴᠢᠬᠤᠯᠠ ᠲᠠᠢ ᠪᠤᠢ︔ | ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷ ᠲᠠᠢ ᠦᠷᠢ ᠦᠭᠴᠡᠭᠡ ᠶᠢ ᠰᠢᠢᠤᠨᠪᠤᠷᠢᠯᠡᠬᠦ ᠳᠠᠷᠤᠭᠠᠰᠤ | ᠶᠡᠭᠡ᠂ ᠡᠳ᠋ ᠤᠨ ᠵᠠᠰᠠᠭ ᠤᠨ ᠳᠠᠯᠳᠠ ᠲᠦᠭᠰᠢᠬᠦᠷᠢ ᠤᠮᠳᠤᠭᠠᠶᠢᠯᠠᠰᠢ ᠦᠬᠡᠢ ᠪᠤᠢ᠃ ᠡᠳᠡᠬᠡᠷ ᠠᠰᠠᠭᠤᠳᠠᠯ ᠢ ᠪᠢᠳᠠ | ᠡᠷᠬᠡᠪᠰᠢ ᠪᠦᠳᠤᠮᠵᠢᠳᠠᠢ ᠠᠷᠭ᠎ᠠ ᠬᠡᠮᠵᠢᠶ᠎ᠠ ᠠᠪᠴᠤ ᠳᠤᠬᠢᠳᠠᠢ ᠰᠢᠢᠤᠨᠪᠤᠷᠢᠯᠡᠬᠦ ᠴᠢᠬᠤᠯᠠ ᠲᠠᠢ ᠪᠠᠶᠢᠨ᠎ᠠ᠃ | ᠬᠤᠶᠠᠷ᠂ 2014 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠤᠪ ᠤᠨ ᠵᠢᠯᠤᠭᠤᠳᠬᠤ ᠥᠵᠡᠯ ᠰᠠᠨᠠᠭ᠎ᠠ ᠪᠤᠯ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ | ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ︽ᠬᠤᠳᠠ ᠬᠦᠳᠡᠭᠡ ᠶᠢ ᠨᠢᠬᠡᠳᠤᠯᠳᠠᠢ | ᠲᠦᠯᠤᠪᠵᠢᠬᠦᠯᠤᠨ᠂ ᠡᠷᠴᠢᠮᠵᠢᠬᠦᠯᠤᠨ ᠬᠦᠭᠵᠢᠬᠦᠯᠬᠦ︾ ᠬᠠᠷᠠᠯᠳᠠ ᠪᠠᠷ ᠭᠤᠤᠯᠳᠠᠯᠭ᠎ᠠ ᠪᠤᠯᠭᠠᠵᠤ᠂ ᠤᠷᠤᠯᠭ᠎ᠠ ᠪᠠᠨ | ᠴᠢᠷᠮᠠᠶᠢᠨ ᠨᠡᠮᠡᠭᠳᠡᠬᠦᠯᠵᠤ᠂ ᠳᠠᠳᠠᠪᠤᠷᠢᠯᠠᠨ ᠬᠠᠮᠢᠶᠠᠷᠬᠤ ᠪᠠᠨ ᠴᠢᠩᠭᠠᠤᠨᠬᠠᠵᠤ᠂ ᠡᠳ᠋ ᠤᠨ ᠵᠠᠰᠠᠭ ᠤᠨ ᠪᠤᠳᠠᠳᠤ | ᠬᠦᠴᠤᠨ ᠢᠶᠠᠨ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ ᠪᠦᠳᠤᠴᠠ ᠪᠠᠨ ᠬᠦᠴᠤᠯᠠᠨ ᠰᠢᠯᠢᠳᠡᠭᠵᠢᠬᠦᠯᠵᠤ᠂ | ᠨᠢᠬᠡᠳᠤᠯᠳᠠᠢ ᠳᠤᠬᠢᠷᠠᠭᠤᠯᠤᠨ ᠨᠠᠶᠢᠳᠠ ᠳᠤ ᠨᠢ ᠬᠠᠷᠠᠭᠠᠯᠵᠠᠵᠤ᠂ ᠡᠳ᠋ ᠤᠨ ᠵᠠᠰᠠᠭ ᠤᠨ ᠪᠠᠳᠤᠯᠠᠭ᠎ᠠ ᠶᠢᠨ ᠲᠦᠪᠰᠢᠨ ᠢ | ᠳᠠᠰᠤᠷᠠᠯᠳᠠ ᠦᠬᠡᠢ ᠲᠡᠭᠡᠭᠰᠢᠯᠡᠭᠦᠯᠥᠨ᠂ ︽ᠲᠦᠷᠪᠠ ᠶᠢ ᠪᠠᠳᠤᠯᠠᠨ᠂ ᠬᠤᠶᠠᠷ ᠢ ᠪᠠᠭᠠᠰᠬᠠᠬᠤ︾ ᠶᠢ | ᠪᠡᠶᠡᠯᠡᠬᠦᠯᠤᠨ᠎ᠠ︔ ᠦᠬᠡᠷᠡᠴᠢᠯᠠᠯᠳᠠ ᠰᠢᠨᠠᠴᠢᠯᠠᠯᠳᠠ ᠶᠢ ᠡᠷᠴᠢᠮᠵᠢᠬᠦᠯᠤᠨ᠂ ᠬᠢᠨᠠᠯᠳᠠ ᠬᠠᠮᠢᠶᠠᠷᠤᠯᠳᠠ ᠶᠢ | ᠴᠢᠩᠭᠠᠤᠨᠬᠠᠵᠤ᠂ ᠡᠳ᠋ ᠤᠨ ᠵᠠᠰᠠᠭ ᠤᠨ ᠪᠡᠯᠡ ᠮᠦᠩᠬᠦ ᠶᠢᠨ ᠪᠦᠳᠤᠮᠵᠢ ᠶᠢ ᠳᠠᠰᠤᠷᠠᠯᠳᠠ ᠦᠬᠡᠢ ᠳᠡᠬᠡᠭᠰᠢᠯᠡᠬᠦᠯᠵᠤ᠂ | ︽ᠪᠠᠶᠠᠨ ᠳᠠᠩᠰᠤᠭ᠂ ᠪᠤᠯᠪᠠᠰᠤᠨ ᠰᠠᠶᠢᠬᠠᠨ᠂ ᠦᠨᠢᠷ ᠵᠢᠷᠭᠠᠯᠳᠠᠢ᠂ ᠦᠵᠡᠰᠬᠦᠯᠡᠩ ᠳᠡᠬᠦᠯᠳᠡᠷ︾ ᠤᠲᠤᠭ ᠤᠨ | ᠡᠮᠤᠨᠡᠲᠤ ᠬᠤᠰᠢᠭᠤᠨ ᠤ ᠪᠥᠲᠥᠭᠡᠨ ᠪᠠᠶᠢᠭᠤᠯᠤᠯᠳᠠ ᠶᠢ ᠠᠬᠢᠭᠤᠯᠬᠤ ᠳᠤ ᠪᠠᠲᠤ ᠪᠠᠬᠢ ᠡᠳ᠋ ᠤᠨ ᠬᠦᠴᠦᠨ ᠤ | ᠪᠠᠲᠤᠯᠠᠭ᠎ᠠ ᠬᠠᠩᠭᠠᠨ᠎ᠠ᠃ | ᠤᠯᠤᠰ ᠠᠷᠠᠤᠨ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠠ ᠤᠯᠤᠰ | ᠤᠨ ᠭᠠᠶᠢᠯᠢ ᠶᠢᠨ ᠲᠦᠷᠢᠮ ᠤᠨ ᠦᠬᠡᠷᠡᠴᠢᠯᠠᠯᠳᠠ ᠶᠢᠨ ᠡᠯᠧᠮᠧᠨ᠋ᠲ ᠢ ᠦᠨᠳᠤᠰᠤᠯᠠᠨ᠂ 2014 ᠤᠨ ᠳᠤ ᠨᠠᠶᠢᠳᠠ | ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 17.91 ᠳ᠋ᠦᠩᠰᠢᠭᠤᠷ ᠲᠥᠭᠦᠷᠢᠭ ᠳᠤᠬᠢᠷᠠᠭᠤᠯᠵᠤ᠂ | ᠳᠡᠭᠡᠷ᠎ᠡ ᠵᠢᠯ ᠠᠴᠠ 25.51% ᠪᠠᠷ ᠦᠰᠬᠡᠬᠦ ᠶᠢ ᠰᠠᠨᠠᠭᠠᠴᠢᠯᠠᠨ᠎ᠠ᠃ ᠡᠭᠦᠨ ᠳᠤ᠂ ᠬᠤᠰᠢᠭᠤ ᠳᠤᠰ ᠱᠠᠳᠤᠨ ᠤ | ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 12.83 ᠳ᠋ᠦᠩᠰᠢᠭᠤᠷ ᠲᠦᠬᠦᠷᠢᠭ ︵ᠱᠠᠩᠬᠠᠢ | ᠶᠢᠨ ᠰᠦᠮ᠎ᠠ ᠨᠡᠬᠡᠬᠡᠯᠳᠠ ᠶᠢᠨ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ 0.80 | ᠳ᠋ᠦᠩᠰᠢᠭᠤᠷ ᠲᠦᠬᠦᠷᠢᠭ ᠢ ᠪᠠᠭᠳᠠᠭᠠᠨ᠎ᠠ︶︔ ᠳᠡᠬᠡᠳᠤ ᠱᠠᠳᠤᠨ ᠤ ᠡᠳ᠋ ᠤᠨ ᠵᠠᠰᠠᠭ ᠤᠨ ᠨᠦᠬᠦᠪᠤᠷᠢ ᠶᠢᠨ | ᠤᠷᠤᠯᠭ᠎ᠠ 2.49 ᠳ᠋ᠦᠩᠰᠢᠭᠤᠷ ᠲᠦᠬᠦᠷᠢᠭ︔ ᠵᠢᠯ ᠤᠨ ᠡᠴᠤᠰ ᠤᠨ ᠬᠤᠷᠠᠮᠳᠤᠯ ᠬᠠᠳᠠᠭᠠᠯᠠᠮᠵᠢ 2.59 | ᠳ᠋ᠦᠩᠰᠢᠭᠤᠷ ᠲᠦᠬᠦᠷᠢᠭ᠃ ᠤᠷᠤᠯᠭ᠎ᠠ ᠲᠠᠢ ᠪᠠᠨ ᠳᠤᠬᠢᠷᠠᠯᠴᠠᠭᠤᠯᠤᠨ᠂ ᠨᠠᠶᠢᠳᠠ ᠶᠢᠨ ᠡᠳ᠋ ᠤᠨ ᠵᠠᠰᠠᠭ ᠤᠨ | ᠲᠦᠰᠤᠪ ᠤᠨ ᠵᠠᠷᠤᠯᠭ᠎ᠠ ᠶᠢ 17.91 ᠳ᠋ᠦᠩᠰᠢᠭᠤᠷ ᠲᠥᠭᠦᠷᠢᠭ ᠳᠤᠬᠢᠷᠠᠭᠤᠯᠵᠤ᠂ ᠳᠡᠭᠡᠷ᠎ᠡ ᠵᠢᠯ ᠠᠴᠠ | 25.51% ᠪᠠᠷ ᠦᠰᠬᠡᠬᠦ ᠶᠢ ᠰᠠᠨᠠᠭᠠᠴᠢᠯᠠᠨ᠎ᠠ᠃ ᠡᠭᠦᠨ ᠳᠤ᠂ ᠬᠤᠰᠢᠭᠤ ᠳᠤᠰ ᠱᠠᠳᠤᠨ ᠤ ᠨᠠᠶᠢᠳᠠ ᠶᠢᠨ ᠡᠳ᠋ | ᠤᠨ ᠵᠠᠰᠠᠭ ᠤᠨ ᠲᠦᠰᠤᠪ ᠤᠨ ᠵᠠᠷᠤᠯᠭ᠎ᠠ ᠶᠢ 16.67 ᠳ᠋ᠦᠩᠰᠢᠭᠤᠷ ᠲᠦᠬᠦᠷᠢᠭ ᠳᠤᠬᠢᠷᠠᠭᠤᠯᠵᠤ᠂ ᠱᠠᠩᠬᠠᠢ ᠶᠢᠨ | ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ | ᠵᠠᠷᠤᠯᠭ᠎ᠠ ᠶᠢ 0.8 ᠳ᠋ᠦᠩᠰᠢᠭᠤᠷ ᠲᠦᠬᠦᠷᠢᠭ ᠳᠤᠬᠢᠷᠠᠭᠤᠯᠵᠤ᠂ ᠪᠠᠯᠭᠠᠰᠤᠨ ᠱᠠᠳᠤᠨ ᠤ ᠨᠠᠶᠢᠳᠠ ᠶᠢᠨ ᠡᠳ᠋ ᠤᠨ | ᠵᠠᠰᠠᠭ ᠤᠨ ᠲᠦᠰᠤᠪ ᠤᠨ ᠵᠠᠷᠤᠯᠭ᠎ᠠ ᠶᠢ 0.44 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠨ᠎ᠠ︔ | ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠦᠰᠤᠪ ᠢ 2.41 | ᠳ᠋ᠦᠩᠰᠢᠭᠤᠷ ᠲᠦᠬᠦᠷᠢᠭ ᠳᠤᠬᠢᠷᠠᠭᠤᠯᠵᠤ᠂ ᠳᠡᠬᠡᠷ᠎ᠠ ᠵᠢᠯ ᠠᠴᠠ 89.76% ᠪᠠᠷ ᠨᠡᠮᠡᠭᠳᠡᠬᠦᠯᠬᠦ ᠶᠢ ᠰᠠᠨᠠᠭᠠᠴᠢᠯᠠᠨ᠎ᠠ᠃ | ᠨᠠᠶᠢᠬᠡᠮ ᠤᠨ ᠪᠠᠳᠤᠯᠠᠭ᠎ᠠ ᠶᠢᠨ ᠰᠠᠭᠤᠷᠢ ᠮᠦᠩᠬᠦ ᠶᠢᠨ ᠤᠷᠤᠯᠭ᠎ᠠ ᠭᠠᠷᠤᠯᠭ᠎ᠠ ᠶᠢᠨ ᠲᠦᠰᠤᠪ ᠢ 1.96 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ ᠳᠡᠬᠡᠷ᠎ᠠ ᠵᠢᠯ ᠲᠠᠢ ᠠᠳᠠᠯᠢ ᠪᠤᠯᠭᠠᠨ᠎ᠠ᠃ | ᠭᠤᠷᠪᠠ᠂ ᠴᠢᠷᠮᠠᠶᠢᠨ ᠳᠡᠮᠡᠴᠡᠵᠤ ᠠᠵᠢᠯ ᠢᠶᠠᠨ ᠰᠢᠨᠡᠴᠢᠯᠠᠨ᠂ 2014 ᠤᠨ ᠤ ᠡᠳ᠋ ᠤᠨ ᠵᠠᠰᠠᠭ ᠤᠨ | ᠠᠵᠢᠯ ᠢ ᠪᠦᠬᠦ ᠬᠦᠴᠤᠨ ᠢᠶᠠᠷ ᠠᠬᠢᠭᠤᠯᠤᠨ᠎ᠠ ᠃ | ︵ᠨᠢᠭᠡ︶ ᠬᠦᠭᠵᠢᠯᠳᠠ ᠳᠤ ᠤᠶᠢᠯᠡᠴᠢᠯᠠᠬᠦ ᠶᠢ ᠪᠠᠷᠢᠮᠳᠠᠯᠠᠵᠤ᠂ ᠰᠠᠭᠤᠷᠢ ᠶᠢ ᠬᠦᠴᠤᠯᠡᠨ ᠪᠠᠬᠢᠵᠢᠬᠦᠯᠵᠤ᠂ | ᠡᠳ᠋ ᠤᠨ ᠢᠷᠠᠯᠳᠠ ᠪᠠᠨ ᠳᠠᠰᠤᠷᠠᠯᠳᠠ ᠦᠬᠡᠢ ᠪᠤᠵᠠᠭᠠᠶᠢᠷᠠᠭᠤᠯᠤᠨ᠎ᠠ᠃ ᠡᠳ᠋ ᠤᠨ ᠵᠠᠰᠠᠭ ᠠᠴᠠ ᠠᠵᠤ ᠠᠬᠤᠢ ᠶᠢᠨ | ᠬᠦᠭᠵᠢᠯᠳᠠ ᠶᠢ ᠳᠡᠮᠵᠢᠬᠦ ᠰᠠᠭᠤᠷᠢ ᠶᠢ ᠰᠢᠨᠡᠴᠢᠯᠡᠵᠤ᠂ ︽ᠪᠠᠭ᠎ᠠ ᠪᠡᠯᠡ ᠪᠠᠷ ᠦᠨᠳᠤᠷ ᠪᠦᠳᠤᠮᠵᠢ ᠤᠯᠬᠤ︾ | ᠤᠶᠢᠯᠡᠳᠤᠯ ᠢ ᠬᠦᠢᠴᠡᠤᠨ ᠪᠠᠳᠠᠷᠠᠭᠤᠯᠵᠤ᠂ ᠨᠠᠶᠢᠬᠡᠮ ᠤᠨ ᠪᠡᠯᠡ ᠬᠦᠷᠤᠩᠬᠡ ᠶᠢ ᠵᠢᠯᠤᠭᠤᠳᠤᠨ᠂ ᠵᠠᠰᠠᠭ ᠤᠨ ᠤᠷᠳᠤᠨ | ᠤ ᠪᠡᠯᠡ ᠤᠷᠤᠭᠤᠯᠤᠯᠳᠠ ᠳᠤ ᠤᠷᠤᠯᠴᠠᠭᠤᠯᠵᠤ᠂ ᠬᠤᠳᠠ ᠪᠠᠯᠭᠠᠰᠤᠵᠢᠯᠳᠠ᠂ ᠠᠵᠤ ᠤᠶᠢᠯᠡᠤᠨᠪᠤᠷᠢᠵᠢᠯᠳᠠ᠂ ᠠᠮᠢ | ᠠᠬᠠᠤᠢ ᠶᠢᠨ ᠪᠠᠶᠢᠭᠤᠯᠤᠯᠳᠠ ᠵᠡᠷᠬᠡ ᠨᠠᠶᠢᠳᠠ ᠶᠢᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠳᠤ ᠬᠢ ᠪᠡᠯᠡ | ᠤᠷᠤᠭᠤᠯᠤᠯᠳᠠ ᠶᠢᠨ ᠬᠦᠴᠤᠯᠡᠴᠠ ᠪᠠᠨ ᠶᠡᠬᠡᠤᠨᠬᠡᠵᠤ᠂ ᠭᠠᠵᠠᠷ ᠤᠷᠤᠨ ᠤ ᠠᠴᠢᠶᠠᠯᠠᠬᠤ ᠴᠢᠳᠠᠪᠤᠷᠢ ᠪᠠ | ᠤᠶᠢᠯᠡᠴᠢᠯᠡᠬᠡᠨ ᠤ ᠴᠢᠳᠠᠪᠬᠢ ᠶᠢ ᠳᠡᠬᠡᠭᠰᠢᠯᠡᠬᠦᠯᠤᠨ᠎ᠠ᠃ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤ ᠶᠢᠨ | ᠪᠤᠳᠤᠯᠭ᠎ᠠ ᠪᠠ ᠪᠡᠯᠡ ᠮᠦᠩᠬᠦ ᠶᠢᠨ ᠳᠡᠮᠵᠢᠯᠬᠡ ᠶᠢ ᠴᠢᠷᠮᠠᠶᠢᠨ ᠤᠯᠵᠤ᠂ ᠪᠤᠬᠢᠷᠳᠤᠯ ᠦᠬᠡᠢ ᠡᠨᠧᠷᠬᠢ᠂ | ᠤᠳᠤᠬᠢᠴᠢᠯᠠᠭᠰᠡᠨ ᠨᠡᠭᠦᠷᠡᠰᠤ ᠬᠢᠮᠢ ᠶᠢᠨ ᠠᠵᠤ ᠤᠶᠢᠯᠡᠤᠨᠪᠤᠷᠢ ᠶᠢᠨ ᠤᠶᠢᠯᠡᠰ᠂ ᠤᠳᠤᠬᠢᠴᠢᠯᠠᠭᠰᠡᠨ ᠮᠠᠯ ᠳᠠᠷᠢᠶᠠᠯᠠᠩ | ᠤᠨ ᠤᠶᠢᠯᠡᠰ ᠤᠨ ᠬᠦᠭᠵᠢᠯᠳᠠ ᠶᠢ ᠭᠤᠤᠯᠳᠠᠯᠭ᠎ᠠ ᠲᠠᠢ ᠳᠡᠮᠵᠢᠵᠤ᠂ ᠡᠳ᠋ ᠤᠨ ᠢᠷᠠᠯᠳᠠ ᠶᠢᠨ ᠰᠢᠨ᠎ᠠ ᠨᠡᠮᠡᠭᠳᠡᠯ ᠤᠨ | ᠴᠡᠭ ᠢ ᠪᠤᠶᠢᠵᠢᠭᠤᠯᠤᠨ᠎ᠠ᠃ ᠤᠳᠤᠬᠢᠴᠢᠯᠠᠭᠰᠡᠨ ᠬᠦᠢᠯᠬᠡᠬᠡ᠂ ᠵᠢᠭᠤᠯᠴᠢᠯᠠᠯ᠂ ᠨᠠᠶᠢᠬᠡᠮ ᠳᠤᠭᠤᠷᠢᠭ ᠤᠨ | ᠤᠶᠢᠯᠡᠴᠢᠯᠡᠭᠡ᠂ ︽ᠮᠠᠯᠴᠢᠨ ᠳᠠᠷᠢᠶᠠᠴᠢᠨ᠂ ᠮᠠᠯᠵᠢᠬᠤ ᠳᠠᠷᠢᠶᠠᠯᠠᠬᠤ ᠤᠷᠤᠨ᠂ ᠮᠠᠯ ᠳᠠᠷᠢᠶᠠᠯᠠᠩ︾ ᠤᠨ | ᠶᠡᠷᠤᠩᠬᠡᠶᠢᠯᠡᠭᠰᠡᠨ ᠤᠶᠢᠯᠡᠴᠢᠯᠡᠭᠡ ᠵᠡᠷᠬᠡ ᠭᠤᠷᠪᠠᠳᠤᠭᠠᠷ ᠠᠵᠤ ᠤᠶᠢᠯᠡᠰ ᠤᠨ ᠬᠦᠭᠵᠢᠯᠳᠠ ᠶᠢ ᠵᠢᠯᠤᠭᠤᠳᠤᠨ | ᠳᠡᠮᠵᠢᠵᠤ᠂ ᠠᠵᠤ ᠤᠶᠢᠯᠡᠰ ᠤᠨ ᠪᠦᠳᠤᠴᠠ ᠶᠢᠨ ᠳᠤᠬᠢᠷᠠᠭᠤᠯᠤᠯᠳᠠ ᠶᠢ ᠠᠬᠢᠭᠤᠯᠤᠨ᠎ᠠ᠃ ᠱᠠᠩᠬᠠᠢ ᠶᠢᠨ ᠰᠦᠮ᠎ᠠ | ᠶᠢᠨ ᠬᠦᠷᠢᠶᠡᠯᠠᠩ ᠳᠤᠭᠤᠷᠢᠭ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ ᠢᠳᠡᠪᠬᠢᠳᠠᠢ ᠳᠠᠮᠵᠢᠵᠤ᠂ | ᠠᠴᠢᠶᠠᠯᠠᠪᠤᠷᠢ ᠶᠢᠨ ᠴᠢᠳᠠᠪᠬᠢ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠤ᠂ ᠠᠵᠤ ᠤᠶᠢᠯᠡᠤᠨᠪᠤᠷᠢ ᠶᠢᠨ ᠠᠵᠤ | ᠠᠬᠤᠢ ᠶᠢᠨ ᠬᠦᠭᠵᠢᠯᠳᠠ ᠶᠢᠨ ᠤᠷᠴᠢᠨ ᠢ ᠴᠢᠷᠮᠠᠶᠢᠨ ᠰᠠᠶᠢᠵᠢᠷᠠᠭᠤᠯᠤᠨ᠎ᠠ᠃ | ︵ᠬᠤᠶᠠᠷ︶ ᠬᠠᠤᠯᠢ ᠶᠤᠰᠤ ᠪᠠᠷ ᠳᠠᠳᠠᠪᠤᠷᠢᠯᠠᠨ ᠬᠠᠮᠢᠶᠠᠷᠬᠤ ᠶᠢ ᠪᠠᠷᠢᠮᠳᠠᠯᠠᠵᠤ᠂ ᠳᠠᠯᠳᠠ ᠬᠦᠴᠤᠨ ᠢ | ᠠᠭᠤᠳᠠᠯᠠᠨ ᠤᠷᠤᠯᠭ᠎ᠠ ᠶᠢ ᠴᠢᠷᠮᠠᠶᠢᠨ ᠨᠡᠮᠡᠭᠳᠡᠬᠦᠯᠵᠤ᠂ ᠬᠡᠷᠡᠭᠯᠡᠵᠤ ᠪᠤᠯᠬᠤ ᠡᠳ᠋ ᠤᠨ ᠬᠦᠴᠤᠨ ᠢ ᠳᠠᠰᠤᠷᠠᠯᠳᠠ ᠦᠬᠡᠢ | ᠴᠢᠩᠭᠠᠤᠨᠬᠠᠨ᠎ᠠ᠃ ᠲᠦᠷᠤ ᠶᠢᠨ ᠪᠤᠳᠤᠯᠭ᠎ᠠ ᠶᠢ ᠴᠢᠷᠮᠠᠶᠢᠨ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠤᠷᠤᠯᠭ᠎ᠠ | ᠨᠡᠮᠡᠭᠳᠡᠬᠦᠯᠬᠦ ᠠᠷᠭ᠎ᠠ ᠠᠪᠴᠠᠯ ᠢ ᠳᠤᠭᠳᠠᠭᠠᠨ᠎ᠠ᠃ ᠭᠠᠶᠢᠯᠢ ᠳᠠᠳᠠᠪᠤᠷᠢᠯᠠᠬᠤ ᠬᠠᠮᠢᠶᠠᠷᠤᠯᠳᠠ ᠶᠢ ᠴᠢᠩᠭᠠᠤᠨᠬᠠᠵᠤ᠂ | ᠬᠠᠤᠯᠢ ᠶᠤᠰᠤ ᠪᠠᠷ ᠭᠠᠶᠢᠯᠢ ᠵᠠᠰᠠᠬᠤ ᠶᠢ ᠪᠠᠷᠢᠮᠳᠠᠯᠠᠵᠤ᠂ ᠭᠠᠶᠢᠯᠢ ᠶᠢᠨ ᠵᠠᠳᠠᠯᠤᠯᠳᠠ᠂ ᠳᠠᠳᠠᠪᠤᠷᠢᠯᠠᠬᠤ | ᠬᠠᠮᠢᠶᠠᠷᠤᠯᠳᠠ᠂ ᠭᠠᠶᠢᠯᠢ ᠳᠤᠰᠢᠶᠠᠬᠤ ᠦᠨᠡᠯᠡᠯᠳᠠ᠂ ᠭᠠᠶᠢᠯᠢ ᠶᠢᠨ ᠶᠠᠪᠤᠳᠠᠯ ᠤᠨ ᠪᠠᠶᠢᠴᠠᠭᠠᠯᠳᠠ ᠵᠡᠷᠬᠡ ︽ᠲᠦᠷᠪᠡ | ᠶᠢ ᠨᠢᠬᠡ ᠴᠤᠭᠴᠠᠵᠢᠭᠤᠯᠬᠤ︾ ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠤ᠂ ᠭᠤᠤᠯᠳᠠᠯᠭᠠᠳᠤ ᠭᠠᠶᠢᠯᠢ ᠶᠢᠨ | ᠢᠷᠠᠯᠳᠠ᠂ ᠭᠤᠤᠯᠳᠠᠯᠭᠠᠳᠤ ᠭᠠᠶᠢᠯᠢ ᠶᠢᠨ ᠲᠦᠷᠤᠯ ᠢ ᠪᠦᠳᠤᠮᠵᠢ ᠲᠠᠢ ᠬᠢᠨᠠᠨ ᠡᠵᠡᠮᠳᠡᠬᠦ ᠶᠢ ᠰᠠᠶᠢᠳᠤᠷ ᠠᠤᠨᠬᠤᠵᠤ᠂ | ᠳᠠᠯᠳᠠ ᠬᠦᠴᠤᠨ ᠢ ᠠᠭᠤᠳᠠᠯᠠᠨ ᠤᠷᠤᠯᠭ᠎ᠠ ᠪᠠᠨ ᠴᠢᠷᠮᠠᠶᠢᠨ ᠨᠡᠮᠡᠭᠳᠡᠬᠦᠯᠤᠨ᠎ᠠ᠃ ᠭᠠᠶᠢᠯᠢ ᠶᠢᠨ ᠪᠤᠰᠤ ᠤᠷᠤᠯᠭ᠎ᠠ ᠶᠢᠨ | ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭ᠎ᠠ ᠠᠤᠨᠬᠤᠵᠤ᠂ ᠭᠠᠵᠠᠷ ᠰᠢᠷᠤᠢ ᠰᠢᠯᠵᠢᠬᠦᠯᠬᠦ ᠠᠰᠢᠭ ᠤᠯᠵᠠᠪᠤᠷᠢ᠂ | ᠤᠯᠤᠰ ᠤᠨ ᠦᠮᠴᠢᠯᠠᠯᠳᠤ ᠡᠬᠢ ᠰᠤᠷᠪᠤᠯᠵᠢ ᠶᠢᠨ ᠲᠦᠯᠤᠪᠤᠷᠢ ᠲᠠᠢ ᠬᠡᠷᠡᠭᠯᠡᠯᠳᠠ᠂ ᠵᠠᠰᠠᠭ ᠤᠨ ᠤᠷᠳᠤᠨ ᠤ ᠴᠢᠨᠠᠷ | ᠲᠠᠢ ᠰᠠᠭᠤᠷᠢ ᠮᠦᠩᠬᠦ ᠵᠡᠷᠬᠡ ᠶᠢᠨ ᠳᠠᠳᠠᠪᠤᠷᠢᠯᠠᠨ ᠬᠤᠷᠢᠶᠠᠬᠤ ᠬᠦᠴᠤᠯᠡᠴᠠ ᠶᠢ ᠶᠡᠬᠡᠤᠨᠬᠡᠵᠤ᠂ ᠤᠷᠤᠯᠭ᠎ᠠ ᠪᠠᠨ | ᠨᠡᠮᠡᠭᠳᠡᠬᠦᠯᠬᠦ ᠠᠷᠭ᠎ᠠ ᠵᠠᠮ ᠢ ᠦᠷᠬᠡᠤᠨᠬᠡᠵᠤ᠂ ᠬᠤᠷᠢᠶᠠᠬᠤ ᠶᠤᠰᠤ ᠲᠠᠢ ᠪᠦᠬᠦᠨ ᠢ ᠬᠤᠷᠢᠶᠠᠨ᠎ᠠ᠃ ᠵᠤᠬᠢᠴᠠᠭᠤᠯᠤᠨ | ᠬᠠᠮᠵᠢᠯᠴᠠᠬᠤ ᠶᠢ ᠴᠢᠩᠭᠠᠤᠨᠬᠠᠵᠤ᠂ ᠤᠷᠤᠯᠭ᠎ᠠ ᠶᠢ ᠣᠷᠮᠠᠰᠢᠭᠤᠯᠬᠤ ᠵᠤᠬᠢᠴᠠᠮᠵᠢ ᠶᠢ ᠳᠡᠬᠦᠯᠳᠡᠷᠵᠢᠬᠦᠯᠵᠤ᠂ | ᠳᠡᠩᠴᠡᠬᠦᠷᠢᠳᠠᠢ ᠠᠬᠢᠴᠠ ᠶᠢ ᠴᠢᠬᠤᠯᠠᠴᠢᠯᠠᠨ᠂ ᠡᠳ᠋ ᠤᠨ ᠵᠠᠰᠠᠭ ᠤᠨ ᠤᠷᠤᠯᠭ᠎ᠠ ᠶᠢ ᠦᠷᠬᠦᠯᠵᠢᠯᠠᠨ ᠳᠤᠭᠳᠠᠭᠤᠨ | ᠢᠶᠠᠷ ᠨᠡᠮᠡᠭᠳᠡᠬᠦᠯᠤᠨ᠎ᠠ᠃ | ︵ᠭᠤᠷᠪᠠ︶ ᠨᠢᠬᠡᠳᠤᠯᠳᠠᠢ ᠳᠤᠬᠢᠷᠠᠭᠤᠯᠤᠨ ᠨᠠᠶᠢᠳᠠ ᠳᠤ ᠨᠢ ᠬᠠᠷᠠᠭᠠᠯᠵᠠᠬᠤ ᠶᠢ ᠪᠠᠷᠢᠮᠳᠠᠯᠠᠵᠤ᠂ ᠠᠷᠠᠤᠨ | ᠤᠨ ᠠᠮᠢᠳᠤᠷᠠᠯ ᠢ ᠬᠦᠴᠤᠯᠡᠨ ᠪᠠᠳᠤᠯᠠᠵᠤ᠂ ᠵᠠᠷᠤᠯᠭ᠎ᠠ ᠶᠢᠨ ᠪᠦᠳᠤᠴᠠ ᠶᠢ ᠳᠠᠰᠤᠷᠠᠯᠳᠠ ᠦᠬᠡᠢ | ᠰᠢᠯᠢᠳᠡᠭᠵᠢᠬᠦᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠭᠤᠤᠯᠳᠠᠯᠭ᠎ᠠ ᠶᠢ ᠠᠷᠠᠤᠨ ᠤᠨ ᠠᠮᠢᠳᠤᠷᠠᠯ ᠲᠠᠢ | ᠬᠤᠯᠪᠤᠭᠳᠠᠬᠤ ᠬᠦᠷᠢᠶ᠎ᠠ ᠬᠡᠪᠴᠢᠶ᠎ᠠ ᠪᠠ ᠠᠵᠤ ᠠᠬᠤᠢ ᠶᠢᠨ ᠬᠦᠭᠵᠢᠯᠳᠠ ᠶᠢᠨ ᠭᠤᠤᠯᠳᠠᠯᠭᠠᠳᠤ ᠬᠦᠷᠢᠶ᠎ᠠ ᠬᠡᠪᠴᠢᠶᠠᠨ | ᠳᠤ ᠵᠠᠷᠤᠴᠠᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠵᠠᠷᠤᠳᠠᠯ ᠤᠨ ᠪᠠᠳᠤᠯᠠᠭ᠎ᠠ ᠶᠢᠨ ᠳᠤᠭᠳᠠᠴᠠ | ᠶᠢ ᠳᠡᠬᠦᠯᠳᠡᠷᠵᠢᠬᠦᠯᠵᠤ᠂ ᠰᠤᠷᠭᠠᠨ ᠬᠦᠮᠤᠵᠢᠯ ᠤᠨ ᠡᠬᠢ ᠰᠤᠷᠪᠤᠯᠵᠢ ᠶᠢᠨ ᠵᠦᠢ ᠵᠤᠬᠢᠰ ᠲᠠᠢ ᠳᠤᠬᠢᠷᠠᠭᠤᠯᠭ᠎ᠠ ᠶᠢ | ᠠᠬᠢᠭᠤᠯᠤᠨ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠳᠡᠩᠴᠡᠬᠦᠷᠢ ᠲᠠᠢ ᠬᠦᠭᠵᠢᠯᠳᠠ ᠶᠢ ᠠᠬᠢᠭᠤᠯᠤᠨ᠎ᠠ᠃ | ᠡᠮ ᠡᠮᠴᠢᠯᠡᠭᠡ ᠪᠤᠯᠤᠨ ᠨᠡᠶᠢᠭᠡᠮ ᠤᠨ ᠪᠠᠳᠤᠯᠠᠭ᠎ᠠ ᠶᠢᠨ ᠥᠢᠯᠡᠰ ᠳᠤ ᠬᠢ ᠤᠷᠤᠭᠤᠯᠤᠯᠳᠠ ᠪᠠᠨ ᠨᠡᠮᠡᠭᠳᠡᠭᠦᠯᠵᠥ᠂ ᠡᠮ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠳᠡ ᠪᠤᠯᠤᠨ ᠡᠮ ᠡᠮᠨᠡᠯᠭᠡ ᠶᠢᠨ ᠲᠠᠭᠠᠳᠬᠠᠯ ᠤᠨ | ᠲᠤᠭᠳᠠᠴᠠ ᠶᠢᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠲᠤᠤᠷ᠎ᠠ ᠤᠷᠤᠯᠭᠠᠳᠤ ᠡᠳᠡᠭᠡᠳ ᠤᠨ ᠪᠠᠳᠤᠯᠠᠭ᠎ᠠ ᠪᠠ | ᠭᠥᠴᠢᠷᠳᠡᠯ ᠲᠠᠢ ᠭᠥᠮᠥᠰ ᠢ ᠠᠪᠤᠷᠠᠨ ᠲᠤᠰᠠᠯᠠᠬᠤ ᠲᠥᠪᠰᠢᠨ ᠢᠶᠠᠨ ᠤᠯᠠᠮ ᠢᠶᠠᠷ ᠲᠡᠭᠡᠭᠰᠢᠯᠡᠭᠦᠯᠥᠨ᠎ᠡ᠃ ᠬᠤᠳᠠ | ᠭᠥᠳᠡᠭᠡ ᠶᠢᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠭᠥᠮᠥᠨ ᠲᠤᠳᠤᠮ ᠰᠠᠷ᠎ᠠ ᠪᠥᠷᠢ 480 ᠲᠥᠭᠦᠷᠢᠭ ᠪᠠ | 390 ᠲᠥᠭᠦᠷᠢᠭ ᠠᠴᠠ 495 ᠲᠥᠭᠦᠷᠢᠭ ᠪᠠ 402 ᠲᠥᠭᠦᠷᠢᠭ ᠭᠥᠷᠳᠡᠯ᠎ᠡ ᠨᠡᠮᠡᠭᠳᠡᠬᠦᠯᠪᠠ︔ ᠮᠠᠬᠠᠨᠪᠤᠳ ᠤᠨ | ᠭᠤᠷᠪᠠᠳᠤᠭᠠᠷ ᠲᠡᠰ ᠤᠨ ᠵᠡᠮᠳᠡᠭᠴᠤᠤᠯ ᠲᠤ ᠭᠥᠮᠥᠨ ᠲᠤᠳᠤᠮ ᠵᠢᠯ ᠪᠥᠷᠢ 2000 ᠲᠥᠭᠦᠷᠢᠭ ᠤᠨ ᠨᠥᠭᠦᠪᠥᠷᠢ | ᠤᠯᠭᠤᠨ᠎ᠠ︔ ᠪᠥᠭᠦᠯᠢ 60 ᠨᠠᠰᠤ ᠭᠥᠷᠥᠭᠰᠡᠨ ᠬᠤᠳᠠ ᠭᠥᠳᠡᠭᠡ ᠶᠢᠨ ᠲᠤᠤᠷ᠎ᠠ ᠪᠠᠳᠤᠯᠠᠭᠠᠳᠤ | ᠡᠳᠡᠭᠡᠳ᠂ ︽ᠭᠤᠷᠪᠠ ᠥᠭᠡᠢ ᠭᠥᠮᠥᠰ︾᠂ ᠤᠨᠴᠠᠭᠠᠶᠢᠯᠠᠨ ᠬᠠᠷᠠᠭᠠᠯᠵᠠᠬᠤ ᠡᠳᠡᠭᠡᠳ ᠵᠡᠷᠭᠡ ᠭᠤᠤᠯᠳᠠᠯᠭ᠎ᠠ ᠲᠠᠢ | ᠪᠠᠳᠤᠯᠠᠬᠤ ᠡᠳᠡᠭᠡᠳ ᠲᠤ ᠭᠥᠮᠥᠨ ᠲᠤᠳᠤᠮ ᠰᠠᠷ᠎ᠠ ᠪᠦᠷᠢ 300 ᠲᠦᠬᠦᠷᠢᠭ ᠤᠨ ᠪᠠᠶᠢᠭᠤᠯᠤᠮᠵᠢ ᠶᠢᠨ ᠨᠠᠰᠤᠵᠢᠯ | ᠤᠨ ᠨᠦᠬᠦᠪᠤᠷᠢ ᠪᠠ ᠬᠦᠮᠤᠨ ᠳᠤᠳᠤᠮ ᠵᠢᠯ ᠪᠥᠷᠢ 600 ᠲᠥᠭᠦᠷᠢᠭ ᠤᠨ ᠭᠡᠷ ᠲᠤ ᠪᠠᠨ ᠰᠠᠭᠤᠬᠤ ᠨᠠᠰᠤᠵᠢᠯ ᠤᠨ | ᠨᠥᠭᠦᠪᠥᠷᠢ ᠤᠯᠭᠤᠨ᠎ᠠ᠃ ᠤᠯᠤᠰ ᠪᠠ ᠤᠷᠤᠨ ᠤ ᠪᠠᠷᠢᠮᠵᠢᠶ᠎ᠠ ᠶᠢ ᠲᠡᠭᠡᠭᠰᠢᠯᠡᠭᠦᠯᠭᠦ ᠲᠥᠷᠥ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠰᠠᠭᠤᠷᠢᠨ ᠲᠡᠭᠡᠷ᠎ᠡ᠂ ᠭᠠᠭᠴᠠᠬᠠᠨ ᠭᠡᠥᠭᠡᠳ ᠨᠢ ᠰᠢᠷᠬᠠᠳᠤᠵᠤ ᠵᠡᠮᠳᠡᠭ ᠪᠤᠯᠤᠭᠰᠠᠨ | ᠪᠤᠶᠤ ᠡᠷᠡᠰᠳᠡᠭᠰᠡᠡ ᠭᠡᠷ ᠪᠥᠯᠢ ᠶᠢ ᠲᠤᠰᠠᠯᠠᠨ ᠲᠡᠮᠵᠢᠭᠦ ᠪᠠᠷᠢᠮᠵᠢᠶ᠎ᠠ ᠶᠢ ᠭᠥᠮᠥᠨ ᠪᠥᠷᠢ ᠰᠠᠷ᠎ᠠ ᠲᠤᠳᠤᠮ 100 | ᠲᠥᠭᠦᠷᠢᠭ ᠥᠰᠭᠡᠭᠡᠨᠡ︔ ᠭᠥᠭᠦᠨ ᠪᠤᠯᠴᠢᠷᠬᠠᠢ ᠶᠢᠨ ᠥᠮᠡᠨ᠂ ᠰᠠᠪᠠᠨ ᠭᠥᠵᠥᠭᠦᠤ ᠶᠢᠨ ᠥᠮᠡᠨ ᠳᠤ ᠨᠡᠷᠪᠡᠭᠳᠡᠭᠰᠡᠨ | ᠶᠠᠳᠠᠭᠤ ᠭᠥᠴᠢᠷᠳᠡᠯ ᠲᠠᠢ ᠡᠪᠡᠳᠴᠢᠳᠡᠳ ᠲᠤ ᠲᠥᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡᠯᠡ | ᠤᠳᠠᠭ᠎ᠠ ᠳᠤ ᠤᠯᠭᠤᠨ᠎ᠠ᠃ ᠪᠠᠳᠤᠯᠠᠭ᠎ᠠ ᠶᠢᠨ ᠤᠷᠤᠨ ᠰᠠᠭᠤᠴᠠ ᠶᠢᠨ ᠢᠨᠵᠧᠨᠧᠷᠢᠩ ᠤᠨ ᠪᠠᠶᠢᠭᠤᠯᠤᠯᠳᠠ ᠶᠢ | ᠲᠥᠷᠭᠡᠳᠭᠡᠵᠥ᠂ ᠪᠠᠳᠤᠯᠠᠭ᠎ᠠ ᠶᠢᠨ ᠤᠷᠤᠨ ᠰᠠᠭᠤᠴᠨ ᠪᠤᠯᠤᠨ ᠭᠥᠳᠡᠭᠡ ᠲᠤᠰᠬᠤᠨ ᠤ ᠨᠤᠷᠠᠬᠤ ᠠᠶᠤᠯ ᠲᠠᠢ ᠭᠡᠷ | ᠪᠠᠷᠢᠯᠭ᠎ᠠ ᠶᠢ ᠥᠭᠡᠷᠡᠴᠢᠯᠠᠭᠦ ᠠᠵᠢᠯ ᠢ ᠭᠥᠴᠥᠯᠡᠨ ᠱᠠᠯᠠᠪᠳᠠᠭᠤᠯᠤᠨ᠎ᠠ᠃ ᠮᠠᠯ ᠲᠠᠷᠢᠶᠠᠯᠠᠩ ᠢ ᠬᠠᠷᠠᠭᠠᠯᠵᠠᠨ ᠲᠡᠳᠭᠦᠭᠦ | ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠥᠨᠡᠨ ᠭᠦ ᠪᠠᠳᠤᠯᠠᠵᠤ᠂ ᠮᠠᠯ ᠲᠠᠷᠢᠶᠠᠯᠠᠩ ᠢ ᠲᠡᠳᠭᠦᠭᠦ | ᠡᠯ᠎ᠡ ᠲᠥᠷᠥᠯ ᠤᠨ ᠨᠥᠭᠦᠪᠥᠷᠢ ᠮᠥᠩᠭᠦ ᠶᠢ ᠴᠠᠭ ᠲᠤᠬᠠᠢ ᠳᠤ ᠨᠢ ᠤᠯᠭᠤᠨ᠂ ᠡᠳ᠋ ᠤᠨ ᠵᠠᠰᠠᠭ ᠤᠨ ᠮᠠᠯ | ᠲᠠᠷᠢᠶᠠᠯᠠᠩ ᠤᠨ ᠲᠥᠷᠥᠯ ᠵᠥᠢᠯ ᠤᠨ ᠪᠡᠯᠡ ᠮᠥᠩᠭᠦ ᠶᠢ ᠴᠡᠭᠴᠡᠵᠢᠭᠦᠯᠵᠥ᠂ ᠤᠳᠤ ᠥᠶ᠎ᠡ ᠶᠢᠨ ᠮᠠᠯ ᠲᠠᠷᠢᠶᠠᠯᠠᠩ ᠤᠨ | ᠥᠢᠯᠡᠰ ᠤᠨ ᠭᠥᠭᠵᠢᠯᠳᠡ ᠪᠤᠯᠤᠨ ᠬᠤᠳᠠ ᠭᠥᠳᠡᠭᠡ ᠶᠢᠨ ᠨᠢᠭᠡᠳᠥᠯᠳᠡᠢ ᠲᠥᠯᠥᠪᠵᠢᠭᠦᠯᠥᠯᠳᠡ ᠶᠢᠨ ᠲᠤᠷᠰᠢᠯᠳᠠ ᠶᠢᠨ | ᠴᠡᠭ ᠤᠨ ᠪᠠᠶᠢᠭᠤᠯᠤᠯᠳᠠ ᠶᠢ ᠭᠥᠴᠥᠯᠡᠨ ᠲᠡᠮᠵᠢᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠴᠢᠬᠤᠯᠠ ᠰᠢᠢᠳᠪᠥᠷᠢ ᠪᠠ ᠠᠷᠠᠳ ᠢ ᠬᠠᠷᠠᠭᠠᠯᠵᠠᠬᠤ ᠶᠢᠰᠤᠨ ᠤᠴᠢᠷ ᠲᠤ ᠬᠢ ᠵᠠᠷᠤᠯᠭ᠎ᠠ ᠶᠢ ᠭᠤᠤᠯᠳᠠᠯᠭ᠎ᠠ ᠲᠠᠢ | ᠪᠠᠳᠤᠯᠠᠨ᠎ᠠ᠃ | ︵ᠲᠥᠷᠪᠡ︶ ᠥᠭᠡᠷᠡᠴᠢᠯᠡᠯᠳᠡ ᠰᠢᠨᠡᠴᠢᠯᠠᠯᠳᠠ ᠶᠢ ᠪᠠᠷᠢᠮᠳᠠᠯᠠᠵᠤ᠂ ᠬᠢᠨᠠᠯᠳᠠ ᠬᠠᠮᠢᠶᠠᠷᠤᠯᠳᠠ ᠶᠢ | ᠴᠢᠩᠭᠠᠳᠬᠠᠵᠤ᠂ ᠪᠡᠯᠡ ᠮᠥᠩᠭᠦᠨ ᠤ ᠥᠢᠯᠡᠳᠥᠯ ᠴᠢᠳᠠᠪᠬᠢ ᠶᠢ ᠤᠯᠠᠮ ᠲᠡᠭᠡᠭᠰᠢᠯᠡᠭᠦᠯᠥᠨ᠎ᠡ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠤᠨ ᠭᠤᠷᠪᠠᠳᠤᠭᠠᠷ ᠪᠥᠭᠦᠳᠡ ᠬᠤᠷᠠᠯᠳᠤᠭᠠᠨ ᠤ ᠡᠳ᠋ ᠤᠨ ᠵᠠᠰᠠᠭ ᠭᠠᠶᠢᠯᠢ ᠶᠢᠨ ᠲᠥᠷᠢᠮ | ᠤᠨ ᠥᠭᠡᠷᠡᠴᠢᠯᠡᠯᠳᠡ ᠶᠢᠨ ᠠᠭᠤᠯᠭ᠎ᠠ ᠶᠢ ᠭᠥᠨᠵᠡᠭᠡᠢ ᠵᠠᠳᠠᠯᠤᠨ ᠰᠢᠨᠵᠢᠵᠥ᠂ ᠮᠠᠨ ᠤ ᠬᠤᠰᠢᠭᠤᠨ ᠤ ᠡᠳ᠋ ᠤᠨ ᠵᠠᠰᠠᠭ | ᠭᠠᠶᠢᠯᠢ ᠶᠢᠨ ᠥᠭᠡᠷᠡᠴᠢᠯᠠᠯᠳᠠ ᠳᠤ ᠲᠤᠰᠠ ᠭᠡᠷᠡᠭᠴᠡᠭᠡ ᠪᠥᠭᠦᠢ ᠲᠥᠷᠥ ᠶᠢᠨ ᠪᠤᠳᠤᠯᠭ᠎ᠠ ᠪᠠ ᠠᠷᠭ᠎ᠠ ᠠᠪᠴᠠᠯ ᠢ | ᠰᠤᠳᠤᠯᠤᠨ ᠲᠤᠭᠳᠠᠭᠠᠨ᠎ᠠ᠃ ᠪᠠᠶᠢᠭᠤᠯᠭ᠎ᠠ ᠨᠢᠭᠡᠴᠡ ᠶᠢᠨ ᠡᠳ᠋ ᠤᠨ ᠶᠠᠪᠤᠳᠠᠯ ᠤᠨ ᠲᠥᠰᠥᠪ ᠢ ᠢᠳᠡᠪᠭᠢᠳᠡᠢ | ᠯᠠᠪᠳᠠᠭᠤᠨ ᠶᠠᠪᠤᠭᠳᠠᠭᠤᠯᠵᠤ᠂ ᠲᠥᠰᠥᠪ ᠤᠨ ᠭᠡᠷᠡᠭᠵᠢᠭᠦᠯᠥᠯᠳᠡ ᠶᠢ ᠴᠢᠩᠭᠠᠳᠬᠠᠨ᠂ ᠲᠥᠰᠥᠪ ᠤᠨ ᠭᠠᠳᠠᠭᠤᠷᠬᠢ | ᠵᠠᠷᠤᠳᠠᠯ ᠢ ᠡᠷᠡᠰ ᠴᠠᠭᠠᠵᠠᠯᠠᠨ᠂ ᠲᠥᠰᠥᠪ ᠨᠡᠮᠡᠯᠳᠡ ᠪᠠ ᠲᠥᠰᠥᠪ ᠤᠨ ᠥᠯᠡᠳᠡᠪᠥᠷᠢ ᠶᠢᠨ ᠬᠠᠮᠢᠶᠠᠷᠤᠯᠳᠠ ᠶᠢ | ᠲᠥᠷᠢᠮᠵᠢᠭᠦᠯᠵᠥ᠂ ᠲᠥᠰᠥᠪ ᠤᠨ ᠭᠥᠯᠢᠶᠡᠰᠥᠯᠡᠯ ᠢ ᠴᠢᠩᠭᠠᠳᠬᠠᠨ᠎ᠠ᠃ ᠤᠯᠤᠰ ᠤᠨ ᠭᠥᠮᠥᠷᠭᠡ ᠶᠢᠨ ᠲᠥᠪᠯᠡᠷᠡᠩᠭᠦᠢ | ᠤᠷᠤᠭᠤᠯᠵᠤ ᠭᠠᠷᠭᠠᠬᠤ ᠲᠥᠷᠢᠮ ᠤᠨ ᠦᠬᠡᠷᠡᠴᠢᠯᠠᠯᠳᠠ ᠶᠢ ᠭᠥᠨᠵᠡᠭᠡᠶᠢᠷᠡᠭᠦᠯᠥᠨ᠂ ᠤᠯᠤᠰ ᠤᠨ ᠭᠥᠮᠥᠷᠭᠡ ᠶᠢᠨ | ᠳ᠋ᠠᠩ ᠭᠠᠭᠴᠠ ᠲᠠᠩᠰᠠ ᠡᠷᠥᠭᠡ ᠶᠢᠨ ᠰᠢᠰᠲ᠋ᠧᠮ ᠢᠶᠠᠷ ᠰᠠᠭᠤᠷᠢᠯᠠᠭᠤᠯᠬᠤ ᠶᠢ ᠤᠯᠠᠮ ᠢᠶᠠᠷ ᠠᠬᠢᠭᠤᠯᠵᠤ᠂ ᠤᠯᠤᠰ | ᠤᠨ ᠭᠥᠮᠥᠷᠭᠡ ᠶᠢᠨ ᠲᠥᠪᠯᠡᠷᠡᠩᠭᠦᠢ ᠤᠷᠤᠭᠤᠯᠵᠤ ᠭᠠᠷᠭᠠᠬᠤ ᠰᠢᠰᠲ᠋ᠧᠮ ᠳᠤ ᠲᠥᠰᠢᠭᠯᠡᠭᠰᠡᠨ ᠠᠯᠪᠠᠨ ᠺᠠᠷᠲ ᠢᠶᠠᠷ | ᠲᠠᠰᠤᠯᠤᠨ ᠪᠤᠳᠤᠬᠤ ᠠᠷᠭ᠎ᠠ ᠮᠠᠶ᠋ᠢᠭ ᠢᠶᠠᠷ ᠡᠳ᠋ ᠤᠨ ᠵᠠᠰᠠᠭ ᠤᠨ ᠪᠡᠯᠡ ᠮᠥᠩᠭᠦ ᠶᠢ ᠤᠯᠠᠮ ᠢᠯᠡ ᠲᠤᠳᠤ ᠪᠤᠯᠭᠠᠨ᠎ᠠ᠃ | ᠲᠥᠷᠥᠯ ᠵᠥᠢᠯ ᠤᠨ ᠪᠡᠯᠡ ᠮᠥᠩᠭᠦ ᠶᠢᠨ ᠴᠡᠭᠴᠡᠵᠢᠭᠦᠯᠥᠯᠳᠡ ᠶᠢ ᠠᠬᠢᠭᠤᠯᠵᠤ᠂ ᠡᠯ᠎ᠡ ᠲᠥᠷᠥᠯ ᠤᠨ ᠪᠡᠯᠡ ᠮᠦᠩᠬᠦ | ᠶᠢ ᠨᠢᠭᠡᠳᠥᠯᠳᠡᠢ ᠲᠤᠬᠢᠷᠠᠭᠤᠯᠤᠨ᠂ ᠡᠳ᠋ ᠤᠨ ᠭᠥᠴᠥᠨ ᠢᠶᠠᠨ ᠲᠥᠪᠯᠡᠷᠡᠭᠦᠯᠥᠨ ᠠᠷᠠᠳ ᠤᠨ ᠠᠮᠢᠳᠤᠷᠠᠯ ᠤᠨ ᠥᠢᠯᠡᠰ | ᠤᠨ ᠭᠥᠭᠵᠢᠭᠦᠯᠥᠯᠳᠡ ᠪᠤᠯᠤᠨ ᠭᠤᠤᠯᠳᠠᠯᠭ᠎ᠠ ᠲᠠᠢ ᠲᠥᠷᠥᠯ ᠵᠥᠢᠯ ᠤᠨ ᠥᠷᠭᠦᠯᠵᠢᠯᠡᠯ ᠪᠠᠶᠢᠭᠤᠯᠤᠯᠳᠠ ᠶᠢ | ᠲᠡᠮᠵᠢᠨ᠎ᠡ᠃ ᠲᠥᠪ ᠬᠤᠷᠢᠶᠠᠨ ᠤ ︽ᠨᠠᠢᠮᠨᠨ ᠲᠤᠭᠳᠠᠭᠠᠯ︾ ᠢ ᠡᠷᠡᠰ ᠵᠢᠷᠤᠮᠯᠠᠨ᠂ ᠪᠥᠷᠢᠯᠭᠡᠨ ᠰᠥᠢᠳᠭᠡᠭᠦ ᠶᠢ | ᠲᠡᠪᠴᠢᠵᠥ ᠠᠷᠪᠢᠯᠠᠨ ᠭᠠᠮᠨᠠᠬᠤ ᠶᠢ ᠡᠷᠬᠢᠮᠨᠡᠵᠥ᠂ ︽ᠲᠥᠷᠪᠡ ᠶᠢ ᠪᠠᠳᠤᠯᠠᠨ ᠬᠤᠶᠠᠷ ᠢ ᠪᠠᠭᠠᠰᠬᠠᠬᠤ︾ ᠶᠢ | ᠪᠠᠷᠢᠮᠳᠠᠯᠠᠨ᠂ ︽ᠭᠤᠷᠪᠠᠨ ᠠᠯᠪᠠᠨ︾ ᠤ ᠵᠠᠷᠤᠳᠠᠯ ᠪᠤᠯᠤᠨ ᠪᠠᠶᠢᠩᠭᠤ ᠶᠢᠨ ᠵᠠᠷᠤᠳᠠᠯ ᠢ ᠥᠷᠭᠦᠯᠵᠢᠯᠡᠨ ᠶᠡᠭᠡ ᠪᠠᠷ | ᠪᠠᠭᠠᠰᠬᠠᠵᠤ᠂ ᠡᠳ᠋ ᠤᠨ ᠭᠥᠴᠥᠨ ᠢᠶᠠᠨ ᠲᠥᠪᠯᠡᠷᠡᠭᠦᠯᠥᠨ ︽ᠡᠷᠬᠢᠯᠳᠡ ᠶᠢ ᠪᠠᠳᠤᠯᠠᠨ᠂ ᠠᠷᠠᠳ ᠤᠨ ᠠᠮᠢᠳᠤᠷᠠᠯ ᠢ | ᠬᠠᠷᠠᠭᠠᠯᠵᠠᠵᠤ᠂ ᠥᠷᠢ ᠥᠭᠴᠡᠭᠡ ᠶᠢ ᠢᠯᠭᠠᠷᠠᠭᠤᠯᠤᠨ᠂ ᠪᠠᠶᠢᠭᠤᠯᠵᠤ ᠪᠠᠶᠢᠭ᠎ᠠ ᠭᠤᠤᠯᠳᠠᠯᠭᠠᠳᠤ ᠲᠥᠷᠥᠯ ᠵᠥᠢᠯ ᠢ | ᠥᠷᠭᠦᠯᠵᠢᠯᠡᠭᠦᠯᠥᠨᠡ︾᠃ ᠡᠳ᠋ ᠤᠨ ᠶᠠᠪᠤᠳᠠᠯ ᠤᠨ ᠨᠢᠭᠳᠠᠯᠠᠨ ᠪᠤᠳᠤᠯᠳᠠ ᠶᠢᠨ ᠬᠠᠮᠢᠶᠠᠷᠤᠯᠳᠠ ᠶᠢ ᠴᠢᠩᠭᠠᠳᠬᠠᠨ᠂ | ᠡᠳ᠋ ᠤᠨ ᠶᠠᠪᠤᠳᠠᠯ ᠨᠢᠭᠳᠠᠯᠠᠨ ᠪᠤᠳᠤᠯᠳᠠ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠤᠯᠪᠠᠰᠤᠷᠠᠯ ᠢ ᠵᠤᠬᠢᠶᠠᠨ | ᠪᠠᠶᠢᠭᠤᠯᠤᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠬᠢᠷᠢ ᠭᠡᠮ ᠢ ᠲᠡᠭᠡᠭᠰᠢᠯᠡᠭᠦᠯᠥᠨ᠎ᠡ᠃ ᠡᠳ᠋ ᠤᠨ ᠵᠠᠰᠠᠭ ᠤᠨ | ᠬᠢᠨᠠᠯᠳᠠ ᠬᠠᠮᠢᠶᠠᠷᠤᠯᠳᠠ ᠪᠠ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠶᠢ ᠴᠢᠩᠭᠠᠳᠬᠠᠨ᠂ ᠪᠠᠶᠢᠴᠠᠭᠠᠨ | ᠰᠢᠢᠳᠪᠥᠷᠢᠯᠡᠭᠦ ᠭᠥᠴᠥᠯᠡᠴᠡ ᠪᠠᠨ ᠨᠡᠮᠡᠭᠳᠡᠭᠦᠯᠵᠥ᠂ ᠡᠳ᠋ ᠤᠨ ᠵᠠᠰᠠᠭ ᠤᠨ ᠪᠡᠯᠡ ᠮᠥᠩᠭᠦᠨ ᠤ ᠡᠷᠬᠢᠯᠳᠡ ᠶᠢᠨ ᠪᠥᠭᠦ | ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢᠨ ᠲᠥᠷᠢᠮ ᠢ ᠲᠤᠭᠳᠠᠭᠠᠨ᠂ ᠡᠳ᠋ ᠤᠨ ᠵᠠᠰᠠᠭ ᠤᠨ ᠪᠡᠯᠡ ᠮᠥᠩᠭᠦᠨ ᠤ | ᠥᠷ᠎ᠡ ᠪᠥᠳᠥᠮᠵᠢ ᠶᠢ ᠥᠨᠡᠯᠡᠨ ᠰᠢᠯᠭᠠᠬᠤ ᠪᠠᠨ ᠴᠢᠩᠭᠠᠳᠬᠠᠵᠤ᠂ ᠪᠡᠯᠡ ᠮᠥᠩᠭᠦᠨ ᠤ ᠠᠰᠢᠭᠯᠠᠯᠳᠠ ᠶᠢᠨ ᠨᠤᠷᠮ᠎ᠠ | ᠶᠢ ᠲᠡᠭᠡᠭᠰᠢᠯᠡᠭᠦᠯᠥᠨ᠎ᠡ᠃ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡ ᠶᠢᠨ ᠬᠠᠮᠢᠶᠠᠷᠤᠯᠳᠠ ᠶᠢᠨ ᠲᠥᠷᠢᠮ | ᠢ ᠪᠠᠶᠢᠭᠤᠯᠤᠨ ᠲᠡᠭᠦᠯᠳᠡᠷᠵᠢᠭᠦᠯᠵᠥ᠂ ᠨᠠᠷᠢᠨ ᠪᠠᠶᠢᠳᠠᠯ ᠢ ᠤᠶᠢᠯᠠᠭᠠᠵᠤ ᠰᠢᠨᠵᠢ ᠴᠢᠨᠠᠷ ᠢ ᠢᠯᠭᠠᠨ ᠭᠥᠷᠢᠶ᠎ᠡ ᠬᠡᠪᠴᠢᠶ᠎ᠡ | ᠶᠢ ᠨᠢ ᠲᠤᠳᠤᠯᠠᠵᠤ᠂ ᠥᠷᠢ ᠥᠭᠴᠡᠭᠡ ᠶᠢᠨ ᠬᠠᠭᠤᠴᠢᠨ ᠢ ᠨᠢ ᠢᠯᠭᠠᠷᠠᠭᠤᠯᠬᠤ ᠪᠠ ᠰᠢᠨ᠎ᠡ ᠶᠢ ᠨᠢ ᠬᠢᠵᠠᠭᠠᠷᠯᠠᠬᠤ | ᠶᠢ ᠴᠢᠩᠳᠠ ᠪᠠᠳᠤᠯᠠᠨ᠎ᠠ᠃ ᠥᠷᠢ ᠲᠥᠯᠥᠭᠦ ᠪᠡᠯᠡᠳᠭᠡᠯ ᠮᠥᠩᠭᠦᠨ ᠤ ᠲᠥᠷᠢᠮ ᠲᠤᠭᠳᠠᠭᠠᠨ᠂ ᠲᠥᠰᠥᠪ ᠤᠨ | ᠲᠤᠬᠢᠷᠠᠭᠤᠯᠤᠯᠳᠠ᠂ ᠥᠯᠡᠭᠦᠥ ᠤᠷᠤᠯᠭ᠎ᠠ ᠪᠤᠯᠤᠨ ᠤᠯᠤᠰ ᠤᠨ ᠥᠮᠴᠢᠯᠡᠯᠳᠤ ᠭᠥᠷᠥᠩᠭᠡ ᠶᠢ ᠠᠮᠢᠳᠤᠯᠢᠭᠵᠢᠭᠤᠯᠬᠤ | ᠵᠡᠷᠭᠡ ᠠᠯᠢ ᠪᠤᠯᠬᠤ ᠠᠷᠭ᠎ᠠ ᠠᠪᠴᠠᠯ ᠢᠶᠠᠷ ᠥᠷᠢ ᠲᠥᠯᠥᠭᠦ ᠪᠡᠯᠡ ᠮᠥᠩᠭᠦ ᠬᠤᠷᠠᠮᠳᠤᠭᠤᠯᠵᠤ᠂ ︽ᠭᠡᠨ ᠵᠢᠭᠡᠯᠡᠵᠥ | ᠭᠡᠨ ᠭᠡᠷᠡᠭᠯᠡᠭᠰᠡᠨ ᠪᠤᠯ ᠭᠡᠨ ᠲᠥᠯᠥᠭᠦ︾ ᠵᠠᠷᠴᠢᠮ ᠪᠠ ᠤᠷᠢᠳ ᠢᠶᠠᠷ ᠠᠮᠠᠷᠬᠠᠨ ᠢ ᠨᠢ ᠰᠡᠭᠦᠯ ᠢᠶᠠᠷ ᠭᠥᠴᠢᠷ ᠢ ᠨᠢ᠂ | ᠭᠤᠤᠯᠳᠠᠯᠭ᠎ᠠ ᠶᠢ ᠲᠤᠪᠤᠶᠢᠯᠭᠠᠬᠤ ᠠᠵᠢᠯ ᠤᠨ ᠰᠡᠳᠬᠢᠮᠵᠢ ᠪᠠᠷ ᠥᠷᠢ ᠥᠭᠴᠡᠭᠡ ᠶᠢ ᠢᠳᠡᠪᠬᠢᠳᠡᠢ ᠢᠯᠭᠠᠷᠠᠭᠤᠯᠤᠨ᠂ | ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠠᠳᠤᠯᠠᠵᠤ᠂ ᠨᠡᠩ ᠢᠯᠠᠩᠭᠤᠶ᠎ᠠ ᠭᠥᠯᠥᠰᠤᠨ ᠠᠵᠢᠯᠴᠢᠳ ᠤᠨ ᠴᠠᠯᠢᠩ | ᠪᠤᠯᠤᠨ ᠪᠠᠭᠤᠷᠠᠶᠢᠴᠤᠤᠯ ᠲᠠᠢ ᠬᠤᠯᠪᠤᠭᠳᠠᠭᠰᠠᠨ ᠥᠷᠢ ᠥᠭᠴᠡᠭᠡ ᠶᠢ ᠲᠥᠷᠥᠭᠦᠨ ᠳᠤ ᠨᠢ ᠪᠤᠳᠤᠯᠬᠢᠯᠠᠨ | ᠢᠯᠭᠠᠷᠠᠭᠤᠯᠤᠨ᠎ᠠ᠃ ᠥᠷᠢ ᠥᠭᠴᠡᠭᠡ ᠰᠢᠨ᠎ᠡ ᠪᠠᠷ ᠨᠡᠮᠡᠭᠦ ᠶᠢ ᠴᠢᠩᠭ᠎ᠠ ᠬᠢᠵᠠᠭᠠᠷᠯᠠᠵᠤ᠂ ᠪᠡᠯᠡ ᠬᠤᠷᠠᠮᠳᠤᠭᠤᠯᠬᠤ | ᠠᠵᠢᠯᠯᠠᠭ᠎ᠠ ᠶᠢ ᠲᠥᠷᠢᠮᠵᠢᠭᠦᠯᠥᠨ᠂ ᠥᠷᠢᠳᠥᠯᠳᠡ ᠶᠢᠨ ᠨᠤᠷᠮ᠎ᠠ᠂ ᠡᠳ᠋ ᠤᠨ ᠵᠠᠰᠠᠭ ᠤᠨ ᠥᠭᠴᠡᠭᠡᠨ ᠨᠤᠷᠮ᠎ᠠ ᠪᠠ | ᠡᠳ᠋ ᠤᠨ ᠵᠠᠰᠠᠭ ᠤᠨ ᠲᠥᠯᠥᠯᠳᠡ ᠶᠢᠨ ᠨᠤᠷᠮ᠎ᠠ ᠵᠡᠷᠭᠡ ᠬᠢᠨᠠᠯᠳᠠ ᠶᠢᠨ ᠪᠠᠷᠢᠮᠵᠢᠶ᠎ᠠ ᠪᠠᠷ ᠥᠷᠢ ᠶᠢᠨ ᠭᠡᠮᠵᠢᠶ᠎ᠡ ᠪᠠ | ᠲᠥᠯᠥᠯᠳᠡ ᠶᠢᠨ ᠬᠤᠭᠤᠴᠠᠭ᠎ᠠ ᠲᠠᠷᠠᠭᠠᠯᠠᠯ ᠢ ᠠᠵᠤ ᠠᠬᠤᠢ ᠶᠢᠨ ᠭᠥᠭᠵᠢᠯᠳᠡ ᠪᠠ ᠡᠳ᠋ ᠤᠨ ᠵᠠᠰᠠᠭ ᠤᠨ ᠲᠠᠭᠠᠭᠠᠵᠤ | ᠲᠠᠶᠢᠯᠭᠦ ᠬᠡᠪᠴᠢᠶᠡᠨ ᠳᠤ ᠬᠢᠵᠠᠭᠠᠷᠯᠠᠨ᠂ ᠥᠷᠢ ᠶᠢ ᠳᠤᠬᠢᠷᠠᠮᠵᠢ ᠲᠠᠢ ᠲᠥᠯᠥᠵᠥ᠂ ᠲᠥᠭᠰᠢᠭᠦᠷᠢ ᠶᠢ ᠵᠤᠬᠢᠰ ᠲᠠᠢ | ᠬᠢᠵᠠᠭᠠᠷᠯᠠᠨ᠎ᠠ᠃ ᠡᠳ᠋ ᠤᠨ ᠵᠠᠰᠠᠭ ᠤᠨ ᠲᠥᠰᠥᠪ ᠪᠠ ᠲᠥᠰᠥᠪ ᠤᠨ ᠭᠥᠢᠴᠡᠳᠭᠡᠯ᠂ ᠪᠠᠶᠢᠭᠤᠯᠭ᠎ᠠ ᠨᠢᠭᠡᠴᠡ ᠶᠢᠨ | ᠲᠥᠰᠥᠪ ᠪᠠ ᠲᠥᠰᠥᠪ ᠤᠨ ᠭᠥᠢᠴᠡᠳᠭᠡᠯ᠂ ︽ᠭᠤᠷᠪᠠᠨ ᠠᠯᠪᠠᠨ︾ ᠤ ᠵᠠᠷᠤᠳᠠᠯ ᠤᠨ ᠢᠯᠡᠰᠢᠭᠦᠯᠥᠯᠳᠡ ᠶᠢ | ᠠᠬᠢᠭᠤᠯᠵᠤ᠂ ᠬᠠᠤᠯᠢ ᠶᠤᠰᠤ ᠪᠠᠷ ᠵᠠᠰᠠᠭ ᠶᠠᠪᠤᠭᠤᠯᠤᠨ ᠡᠳ᠋ ᠤᠨ ᠶᠠᠪᠤᠳᠠᠯ ᠢ ᠬᠠᠮᠢᠶᠠᠷᠬᠤ ᠵᠢᠭᠠᠯᠳᠠ ᠶᠢᠨ ᠰᠢᠰᠲ᠋ᠧᠮ | ᠢ ᠲᠠᠰᠤᠷᠠᠯ ᠥᠭᠡᠢ ᠲᠡᠭᠦᠯᠳᠡᠷᠵᠢᠭᠦᠯᠥᠨ᠎ᠡ᠃ ᠪᠠᠶᠢᠭᠤᠯᠤᠮᠵᠢ ᠶᠢᠨ ᠪᠠᠶᠢᠭᠤᠯᠤᠯᠳᠠ ᠶᠢ ᠭᠥᠴᠥᠳᠡᠢ ᠠᠳᠬᠤᠵᠤ᠂ | ᠰᠤᠷᠤᠯᠴᠠᠯᠭ᠎ᠠ ᠬᠠᠮᠢᠶᠠᠷᠤᠯᠳᠠ ᠶᠢᠨ ᠲᠥᠷᠢᠮ ᠢ ᠲᠠᠭᠦᠯᠳᠡᠷᠵᠢᠭᠦᠯᠥᠨ᠂ ᠺᠠᠳ᠋ᠷ ᠤᠨ ᠡᠩᠨᠡᠭᠡᠨ ᠤ ᠤᠯᠤᠰ ᠲᠥᠷᠥ ᠶᠢᠨ | ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠲᠥᠷᠥᠯ ᠤᠨ ᠶᠤᠰᠤ ᠰᠤᠷᠳᠠᠬᠤᠨ ᠢ ᠪᠥᠭᠦ ᠲᠠᠯ᠎ᠠ | ᠪᠠᠷ ᠲᠡᠭᠡᠭᠰᠢᠯᠡᠭᠦᠯᠥᠨ᠎ᠡ᠃ ᠤᠯᠤᠰ ᠤᠨ ᠲᠤᠳᠤᠭᠠᠳᠤ ᠭᠠᠳᠠᠭᠠᠳᠤ ᠶᠢᠨ ᠠᠵᠤ ᠠᠬᠤᠢ ᠶᠢᠨ ᠬᠠᠨᠳᠤᠰᠢ ᠪᠤᠯᠤᠨ ᠡᠳ᠋ | ᠤᠨ ᠵᠠᠰᠠᠭ ᠭᠠᠶᠢᠯᠢ ᠶᠢᠨ ᠥᠭᠡᠷᠡᠴᠢᠯᠡᠯᠳᠡ ᠶᠢᠨ ᠪᠠᠶᠢᠳᠠᠯ ᠢ ᠨᠠᠷᠢᠨ ᠠᠵᠢᠵᠤ᠂ ᠬᠠᠨᠳᠤᠯᠭᠠᠳᠤ ᠴᠢᠨᠠᠷ ᠲᠠᠢ ᠪᠠᠷ | ᠪᠠᠶᠢᠴᠠᠭᠠᠯᠳᠠ ᠰᠤᠳᠤᠯᠤᠭ᠎ᠠ ᠶᠠᠪᠤᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠡᠭᠦ | ᠤᠬᠠᠭᠠᠨᠴᠢ ᠰᠢᠢᠳᠪᠥᠷᠢ ᠶᠢᠨ ᠲᠤᠭᠳᠠᠭᠠᠯᠳᠠ ᠳᠤ ᠪᠠᠶᠠᠯᠢᠭ ᠪᠥᠳᠥᠭᠡᠯᠴᠢ ᠰᠠᠨᠠᠯ ᠲᠤᠷᠠᠳᠤᠨ᠎ᠠ᠃ | ᠲᠥᠯᠥᠭᠡᠯᠡᠭᠴᠢᠳ ᠡ᠂ ᠥᠨᠥ ᠵᠢᠯ ᠤᠨ ᠡᠳ᠋ ᠤᠨ ᠵᠠᠰᠠᠭ ᠤᠨ ᠠᠵᠢᠯ ᠢ ᠪᠥᠭᠦ ᠲᠠᠯ᠎ᠠ ᠪᠠᠷ ᠰᠠᠶᠢᠳᠤᠷ | ᠪᠠᠶᠠᠯᠠᠭᠦᠯᠭᠦ ᠳᠤ ᠡᠭᠦᠷᠭᠡ ᠭᠥᠨᠳᠥ ᠵᠠᠮ ᠬᠤᠯᠠ ᠪᠤᠢ᠃ ᠪᠢᠲᠡ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ | ᠭᠥᠭᠵᠢᠯᠳᠡ ᠶᠢᠨ ᠶᠡᠭᠡ ᠪᠠᠶᠢᠳᠠᠯ ᠢᠶᠠᠷ ᠭᠤᠤᠯᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠤᠳᠤᠯᠭ᠎ᠠ | ᠪᠠᠶᠢᠷᠢᠰᠢᠯᠠᠭᠤᠯᠳᠠ ᠪᠠ ᠲᠤᠰ ᠤᠳᠠᠭᠠᠨ ᠤ ᠬᠤᠷᠠᠯ ᠠᠴᠠ ᠲᠤᠷᠠᠳᠤᠭᠰᠠᠨ ᠡᠳ᠋ ᠤᠨ ᠵᠠᠰᠠᠭ ᠤᠨ ᠠᠵᠢᠯ ᠤᠨ ᠡᠯ᠎ᠡ | ᠲᠠᠯ᠎ᠠ ᠳᠤ ᠬᠢ ᠱᠠᠭᠠᠷᠳᠠᠯᠭ᠎ᠠ ᠶᠢ ᠵᠢᠷᠤᠮᠯᠠᠨ᠂ ᠲᠠᠪᠠᠭᠤ ᠨᠥᠭᠦᠴᠡᠯ ᠢᠶᠠᠨ ᠰᠠᠶᠢᠳᠤᠷ ᠠᠰᠢᠭᠯᠠᠨ ᠡᠯ᠎ᠡ ᠲᠥᠷᠥᠯ ᠤᠨ | ᠭᠥᠴᠢᠷ ᠪᠡᠷᠭᠡ ᠶᠢ ᠢᠯᠠᠵᠤ᠂ 2014 ᠤᠨ ᠤ ᠡᠳ᠋ ᠤᠨ ᠵᠠᠰᠠᠭ ᠤᠨ ᠡᠯ᠎ᠡ ᠲᠥᠷᠥᠯ ᠤᠨ ᠠᠵᠢᠯ ᠡᠭᠦᠷᠭᠡ ᠪᠠᠨ | ᠴᠢᠷᠮᠠᠶᠢᠨ ᠪᠡᠶᠡᠯᠡᠭᠦᠯᠵᠥ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠲᠤᠭᠳᠠᠭᠤᠨ ᠮᠥᠷᠳᠡᠭᠡᠨ ᠲᠥᠷᠭᠡᠨ | ᠭᠥᠭᠵᠢᠯᠳᠡ ᠳᠤ ᠨᠡᠩ ᠶᠡᠭᠡ ᠬᠤᠪᠢ ᠨᠡᠮᠡᠷᠢ ᠥᠵᠡᠭᠦᠯᠰᠥᠭᠡᠢ᠃ |