ᠬᠤᠰᠢᠭᠤ  ᠠᠷᠪᠠᠳᠣᠭᠠᠷ  ᠬᠤᠭᠤᠴᠠᠭᠠᠨ   ᠤ  ᠠᠷᠠᠳ  ᠤᠨ  ᠲᠥᠯᠥᠭᠡᠯᠡᠭᠴᠢᠳ  ᠤᠨ  ᠶᠡᠭᠡ  ᠬᠤᠷᠠᠯ  ᠤᠨ  ᠠᠩᠬᠠᠳᠣᠭᠠᠷ  ᠬᠤᠷᠠᠯᠳᠣᠭᠠᠨ ᠤ ᠪᠢᠴᠢᠭ ᠮᠡᠲ᠋ᠧᠷᠢᠶᠠᠯ ︵ᠠᠷᠪᠠᠨ ᠲᠤᠯᠤᠭ᠎ᠠ︶
ᠨᠡᠶᠢᠲᠡᠯᠡᠭᠰᠡᠨ ᠴᠠᠭ᠄
2018/6/19
   ᠤᠳᠤᠭ ᠤᠨ ᠡᠮᠥᠨᠡᠳᠤ ᠬᠤᠰᠢᠭᠤᠨ ᠤ  2017 ᠤᠨ ᠤ ᠲᠥᠷᠥᠭᠦᠥ ᠭᠤᠷᠪᠠᠨ ᠣᠯᠠᠷᠢᠯ ᠤᠨ    ᠡᠳ᠋ ᠤᠨ  ᠵᠠᠰᠠᠭ ᠤᠨ  ᠳᠥᠰᠥᠪ ᠤᠨ  ᠬᠡᠷᠡᠭᠵᠢᠬᠦᠯᠤᠯᠳᠠ ᠶᠢᠨ  ᠪᠠᠶᠢᠳᠠᠯ ᠪᠣᠯᠣᠨ  ᠲᠠᠷᠠᠭ᠎ᠠ    ᠠᠯᠬᠤᠮ   ᠤᠨ  ᠡᠳ᠋   ᠤᠨ  ᠵᠠᠰᠠᠭ   ᠤᠨ  ᠠᠵᠢᠯ   ᠤᠨ  ᠲᠦᠯᠦᠪᠯᠡᠭᠡ   ᠶᠢᠨ  ᠮᠡᠳᠡᠬᠦᠯᠥᠯᠲᠡ           ——  2017 ᠤᠨ ᠤ 12 ᠰᠠᠷ᠎ᠠ ᠶᠢᠨ 5 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠳᠣᠭᠠᠷ  ᠬᠤᠭᠤᠴᠠᠭᠠᠨ   ᠤ ᠠᠷᠠᠳ ᠤᠨ ᠲᠥᠯᠥᠭᠡᠯᠡᠭᠴᠢᠳ ᠤᠨ  ᠶᠡᠭᠡ  ᠬᠤᠷᠠᠯ ᠤᠨ ᠠᠩᠬᠠᠳᠣᠭᠠᠷ  ᠬᠤᠷᠠᠯᠳᠤᠭᠠᠨ ᠳᠡᠭᠡᠷ᠎ᠡ                       ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠲᠥᠯᠥᠭᠡᠯᠡᠭᠴᠢᠳ ᠡ᠄ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2017 ᠤᠨ ᠤ ᠲᠥᠷᠥᠭᠦᠥ ᠭᠤᠷᠪᠠᠨ ᠣᠯᠠᠷᠢᠯ ᠤᠨ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠤᠯᠤᠨ ᠲᠠᠷᠠᠭ᠎ᠠ ᠠᠯᠬᠤᠮ ᠤᠨ ᠡᠳ᠋ ᠤᠨ ᠵᠠᠰᠠᠭ ᠤᠨ ᠠᠵᠢᠯ ᠤᠨ ᠲᠦᠯᠦᠪᠯᠡᠭᠡ  ᠶᠢᠨ ᠮᠡᠳᠡᠬᠦᠯᠥᠯᠲᠡ ᠪᠠᠨ ᠬᠤᠰᠢᠭᠤ ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃        ᠨᠢᠭᠡ᠂ 2017 ᠤᠨ ᠤ ᠲᠥᠷᠥᠭᠦᠥ ᠭᠤᠷᠪᠠᠨ ᠣᠯᠠᠷᠢᠯ ᠤᠨ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ        ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ᠂ ᠨᠡᠶᠢᠭᠡᠮ ᠤᠨ ᠡᠯ᠎ᠡ ᠡᠳᠡᠭᠡᠳ ᠤᠨ ᠳᠠᠮᠵᠢᠯᠬᠡ ᠳᠤᠤᠷ᠎ᠠ᠂ ᠡᠳ᠋ ᠤᠨ ᠵᠠᠰᠠᠭ ᠤᠨ ᠠᠵᠢᠯ ᠬᠠᠳᠠᠭᠤ ᠪᠣᠳᠣᠯᠢᠶᠠᠨᠳᠠᠢ ᠠᠵᠣ ᠠᠬᠤᠢ ᠶᠢᠨ ᠪᠠᠶᠢᠳᠠᠯ ᠳᠤ ᠵᠦᠪ ᠬᠠᠨᠳᠣᠨ᠂ ᠰᠠᠨᠠᠭᠠᠴᠢᠯᠭ᠎ᠠ ᠠᠴᠠ ᠪᠠᠨ ᠠᠵᠣ ᠠᠬᠤᠢ ᠶᠢᠨ ᠭᠦᠭᠵᠢᠯᠳᠡ ᠶᠢᠨ ᠰᠢᠨ᠎ᠡ ᠪᠠᠶᠢᠳᠠᠯ ᠳᠤ ᠵᠣᠬᠢᠴᠠᠵᠣ᠂ ᠯᠠᠪᠳᠠᠭᠤᠨ ᠪᠠᠳᠣᠳᠠᠢ ᠠᠵᠢᠯ ᠤᠨ ᠣᠪᠣᠷ ᠢ ᠪᠠᠷᠢᠮᠳᠠᠯᠠᠨ᠂ ᠶᠡᠷᠦᠩᠬᠡᠶᠢᠯᠡᠭᠰᠡᠨ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠯᠡᠵᠣ᠂ ᠲᠣᠭᠳᠠᠭᠤᠨ ᠨᠡᠮᠡᠭᠳᠡᠯ᠂ ᠪᠦᠳᠦᠴᠡ ᠶᠢᠨ ᠲᠣᠬᠢᠷᠠᠭᠤᠯᠣᠯ᠂ ᠦᠭᠡᠷᠡᠴᠢᠯᠡᠯᠳᠡ ᠶᠢᠨ ᠠᠬᠢᠭᠤᠯᠣᠯ᠂ ᠠᠷᠠᠳ ᠤᠨ ᠠᠮᠢᠳᠣᠷᠠᠯ ᠤᠨ ᠬᠠᠷᠠᠭᠠᠯᠵᠠᠯ ᠢ ᠨᠢᠭᠡᠳᠦᠯᠳᠡᠢ ᠲᠦᠯᠦᠪᠯᠡᠵᠣ᠂ ᠡᠳ᠋ ᠤᠨ ᠢᠷᠡᠯᠳᠡ ᠶᠢᠨ ᠪᠠᠶᠢᠭᠤᠯᠣᠯᠳᠠ ᠪᠣᠯᠣᠨ ᠣᠷᠣᠨ ᠨᠣᠳᠤᠭ ᠤᠨ ᠬᠡᠷᠡᠭᠯᠡᠬᠦᠶᠢᠴᠡ ᠡᠳ᠋ ᠤᠨ ᠬᠦᠴᠦᠨ ᠢ ᠨᠡᠮᠡᠭᠳᠡᠭᠦᠯᠬᠦ ᠪᠠᠨ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠣ ᠂ ᠭᠠᠶᠢᠯᠢ ᠵᠠᠷᠣᠳᠠᠯ ᠤᠨ ᠲᠠᠳᠠᠪᠦᠷᠢᠯᠠᠯᠳᠠ ᠬᠠᠮᠢᠶᠠᠷᠣᠯᠳᠠ ᠶᠢ ᠴᠢᠩᠭᠠᠳᠬᠠᠨ᠂ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠵᠣ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠲᠣᠭᠳᠠᠴᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠠᠷᠠᠳ ᠤᠨ ᠠᠮᠢᠳᠣᠷᠠᠯ ᠢ ᠪᠦᠬᠦ ᠲᠠᠯ᠎ᠠ ᠪᠠᠷ ᠪᠠᠳᠣᠯᠠᠨ ᠰᠠᠶᠢᠵᠢᠷᠠᠭᠤᠯᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠦᠷᠭᠦᠯᠵᠢᠬᠦᠶᠢᠴᠡ ᠬᠦᠭᠵᠢᠯᠳᠡ ᠶᠢ ᠬᠦᠴᠦᠳᠠᠢ ᠲᠡᠮᠵᠢᠪᠡ᠃         ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2017 ᠤᠨ ᠳᠤ ᠲᠦᠪ ᠤᠨ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠣᠰᠬᠠᠯ ᠪᠣᠯᠣᠨ ᠦᠪᠡᠷᠳᠡᠭᠡᠨ ᠵᠠᠰᠠᠬᠤ ᠣᠷᠣᠨ᠂ ᠬᠤᠳᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠳᠤ ᠲᠣᠬᠢᠷᠠᠭᠤᠯᠣᠯᠳᠠ ᠬᠢᠪᠡ᠃ ᠲᠣᠬᠢᠷᠠᠭᠤᠯᠣᠯᠳᠠ ᠶᠢᠨ ᠲᠠᠷᠠᠭᠠᠬᠢ ᠲᠥᠷᠥᠭᠦᠥ ᠭᠤᠷᠪᠠᠨ ᠣᠯᠠᠷᠢᠯ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ 13.2 ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 6.78 ᠳ᠋ᠦᠩᠰᠢᠭᠤᠷ ᠲᠥᠭᠦᠷᠢᠭ ︵ᠡᠭᠦᠨ ᠳᠤ  ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0.37 ᠳ᠋ᠥᠩᠰᠢᠭᠤᠷ ᠲᠥᠭᠦᠷᠢᠭ ᠢ ᠪᠠᠭᠳᠠᠭᠠᠨ᠎ᠠ︶᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 6.42 ᠳ᠋ᠦᠩᠰᠢᠭᠤᠷ ᠲᠥᠭᠦᠷᠢᠭ᠃ ᠨᠡᠶᠢᠳᠡ  ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ 19.81 ᠳ᠋ᠦᠩᠰᠢᠭᠤᠷ ᠲᠥᠭᠦᠷᠢᠭ᠃—— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠭᠤᠣᠯ ᠭᠠᠶᠢᠯᠢ ᠶᠢᠨ ᠲᠦᠷᠦᠯ ᠢ 1.75 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢᠨ 25.81% ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 0.23 ᠳ᠋ᠥᠩᠰᠢᠭᠤᠷ ᠲᠥᠭᠦᠷᠢᠭ ᠨᠠᠮᠡᠭᠳᠡᠵᠤ᠂ 15.13% ᠪᠠᠷ ᠦᠰᠪᠠ᠃ ᠡᠭᠦᠨ ᠳᠤ᠄ ᠦᠷᠲᠡᠭ ᠤᠨ ᠨᠡᠮᠡᠭᠳᠡᠯ ᠭᠠᠶᠢᠯᠢ 1.13 ᠳ᠋ᠦᠩᠰᠢᠭᠤᠷ ᠲᠥᠭᠦᠷᠢᠭ᠂ 114.33% ᠪᠠᠷ ᠨᠠᠮᠡᠭᠳᠡᠪᠡ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 0.08 ᠳ᠋ᠦᠩᠰᠢᠭᠤᠷ ᠲᠥᠭᠦᠷᠢᠭ᠂ 66.24% ᠪᠠᠷ ᠪᠠᠭᠤᠷᠠᠪᠠ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 0.09 ᠳ᠋ᠦᠩᠰᠢᠭᠤᠷ ᠲᠥᠭᠦᠷᠢᠭ᠂ 5.65 % ᠪᠠᠷ ᠨᠡᠮᠡᠭᠳᠡᠪᠡ︔ ᠡᠬᠢ ᠪᠠᠶᠠᠯᠢᠭ ᠤᠨ ᠭᠠᠶᠢᠯᠢ 0.45 ᠳ᠋ᠦᠩᠰᠢᠭᠤᠷ ᠲᠥᠭᠦᠷᠢᠭ᠂  44.39% ᠪᠠᠷ ᠨᠡᠮᠡᠭᠳᠡᠪᠡ᠃ —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ ᠮᠦᠴᠢᠷ 1.19 ᠳ᠋ᠦᠩᠰᠢᠭᠤᠷ ᠳᠦᠭᠦᠷᠢᠭ ᠪᠡᠶᠡᠯᠡᠭᠦᠯᠵᠣ᠂  ᠵᠢᠯ ᠤᠨ ᠵᠢᠱᠢᠭᠰᠡᠨ ᠬᠠᠷᠠᠯᠳᠠ ᠶᠢᠨ 74.38% ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ0.6 ᠳ᠋ᠦᠩᠰᠢᠭᠤᠷ ᠳᠦᠭᠦᠷᠢᠭ ᠨᠡᠮᠡᠭᠳᠡᠵᠤ᠂ 101.69% ᠪᠠᠷ ᠦᠰᠪᠠ︔  ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 2.41 ᠳ᠋ᠦᠩᠰᠢᠭᠤᠷ ᠲᠦᠭᠦᠷᠢᠭ ᠪᠡᠶᠡᠯᠡᠭᠦᠯᠵᠣ᠂  ᠵᠢᠯ ᠤᠨ ᠵᠢᠱᠢᠭᠰᠡᠨ ᠬᠠᠷᠠᠯᠳᠠ ᠶᠢᠨ 77.74 % ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 1.28 ᠳ᠋ᠦᠩᠰᠢᠭᠤᠷ ᠲᠥᠭᠦᠷᠢᠭ ᠨᠡᠮᠡᠭᠳᠡᠵᠤ᠂ 113.27%  ᠪᠠᠷ ᠦᠰᠪᠠ︔ ᠡᠳ᠋ ᠤᠨ ᠵᠠᠰᠠᠭ ᠤᠨ ᠰᠠᠯᠠᠭ᠎ᠠ ᠮᠦᠴᠢᠷ 3.18 ᠳ᠋ᠦᠩᠰᠢᠭᠤᠷ ᠲᠥᠭᠦᠷᠢᠭ ᠪᠡᠶᠡᠯᠡᠭᠦᠯᠵᠣ᠂  ᠵᠢᠯ ᠤᠨ ᠵᠢᠱᠢᠭᠰᠡᠨ ᠬᠠᠷᠠᠯᠳᠠ ᠶᠢᠨ 96.36 % ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 0.53 ᠳ᠋ᠦᠩᠰᠢᠭᠤᠷ ᠲᠥᠭᠦᠷᠢᠭ  ᠪᠠᠭᠤᠷᠠᠵᠤ᠂  14.29% ᠪᠠᠷ ᠬᠠᠰᠤᠭᠳᠠᠪᠠ᠃ —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 2.04 ᠳ᠋ᠦᠩᠰᠢᠭᠤᠷ ᠳᠦᠭᠦᠷᠢᠭ ᠪᠡᠶᠡᠯᠡᠭᠦᠯᠵᠣ᠂ 19.28% ᠪᠠᠷ ᠨᠡᠮᠡᠭᠳᠡᠪᠡ ︵ᠡᠭᠦᠨ ᠳᠤ᠄ ᠨᠡᠭᠦᠷᠡᠰᠥᠨ ᠤ ᠠᠵᠢᠯ ᠲᠦᠷᠦᠯ ᠳ᠋ᠦᠩᠰᠢᠭᠤᠷ ᠲᠥᠭᠦᠷᠢᠭ ᠪᠡᠶᠡᠯᠡᠭᠦᠯᠵᠣ᠂ 195.02% ᠨᠡᠮᠡᠭᠳᠡᠵᠣ᠂ ᠰᠢᠲᠠᠮᠠᠬᠠᠢ ᠬᠡᠢ ᠶᠢᠨ ᠠᠵᠢᠯ ᠲᠦᠷᠤᠯ 1.01 ᠳ᠋ᠦᠩᠰᠢᠭᠤᠷ ᠳᠦᠭᠦᠷᠢᠭ ᠪᠡᠶᠡᠯᠡᠭᠦᠯᠵᠣ᠂ 56.04 % ᠪᠠᠷ ᠨᠡᠮᠡᠭᠳᠡᠪᠡ︶︔ ᠦᠢᠯᠡᠳᠪᠦᠷᠢᠯᠡᠯ ᠤᠨ ᠠᠵᠢᠯ ᠲᠦᠷᠤᠯ 0.04 ᠳ᠋ᠦᠩᠰᠢᠭᠤᠷ ᠲᠦᠭᠦᠷᠢᠭ ᠪᠡᠶᠡᠯᠡᠭᠦᠯᠵᠤ᠂ 146.27% ᠪᠠᠷ ᠨᠡᠮᠡᠭᠳᠡᠪᠡ︔ ᠴᠡᠬᠢᠯᠭᠠᠨ ᠬᠦᠴᠣᠨ ᠤ ᠠᠵᠢᠯ ᠲᠦᠷᠦᠯ 0.16 ᠳ᠋ᠦᠩᠰᠢᠭᠤᠷ ᠳᠦᠭᠦᠷᠢᠭ ᠪᠡᠶᠡᠯᠡᠭᠦᠯᠵᠣ᠂ 154.03 % ᠪᠠᠷ ᠨᠡᠮᠡᠭᠳᠡᠪᠡ︔ ᠪᠠᠷᠢᠯᠭ᠎ᠠ ᠶᠢᠨ ᠠᠵᠢᠯ ᠲᠦᠷᠦᠯ 2.57 ᠳ᠋ᠦᠩᠰᠢᠭᠤᠷ ᠳᠦᠭᠦᠷᠢᠭ ᠪᠡᠶᠡᠯᠡᠭᠦᠯᠵᠣ᠂ 325.88% ᠪᠠᠷ ᠨᠡᠮᠡᠭᠳᠡᠪᠡ︔ ᠵᠠᠮ ᠲᠡᠬᠡᠬᠡᠪᠣᠷᠢ ᠶᠢᠨ ᠦᠢᠯᠡᠰ 0.02 ᠳ᠋ᠦᠩᠰᠢᠭᠤᠷ ᠳᠦᠭᠦᠷᠢᠭ ᠪᠡᠶᠡᠯᠡᠭᠦᠯᠵᠣ᠂ 187.11 % ᠪᠠᠷ ᠨᠡᠮᠡᠭᠳᠡᠪᠡ︔ ᠬᠡᠷ ᠬᠦᠷᠦᠩᠬᠡ ᠶᠢᠨ ᠠᠵᠢᠯ ᠲᠦᠷᠦᠯ 0.08 ᠳ᠋ᠦᠩᠰᠢᠭᠤᠷ ᠳᠦᠭᠦᠷᠢᠭ ᠪᠡᠶᠡᠯᠡᠭᠦᠯᠵᠣ᠂ 80.4% ᠪᠠᠷ ᠪᠠᠭᠤᠷᠠᠪᠠ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.3 ᠳ᠋ᠦᠩᠰᠢᠭᠤᠷ ᠳᠦᠭᠦᠷᠢᠭ ᠪᠡᠶᠡᠯᠡᠭᠦᠯᠵᠣ᠂ 25.91 % ᠪᠠᠷ ᠨᠡᠮᠡᠭᠳᠡᠪᠡ︔ ᠬᠤᠨᠤᠭᠯᠠᠬᠤ ᠪᠠ ᠢᠳᠡᠭᠡᠨ ᠤᠮᠳᠠᠭᠠᠨ ᠤ ᠠᠵᠢᠯ ᠲᠦᠷᠤᠯ 0.01 ᠳ᠋ᠦᠩᠰᠢᠭᠤᠷ ᠲᠦᠭᠦᠷᠢᠭ ᠪᠡᠶᠡᠯᠡᠭᠦᠯᠵᠤ᠂ 8.9% ᠪᠠᠷ ᠨᠡᠮᠡᠭᠳᠡᠪᠡ︔ ᠦᠢᠯᠡᠴᠢᠯᠡᠬᠡᠨ ᠤ ᠦᠢᠯᠡᠰ 0.02 ᠳ᠋ᠦᠩᠰᠢᠭᠤᠷ ᠳᠦᠭᠦᠷᠢᠭ ᠪᠡᠶᠡᠯᠡᠭᠦᠯᠵᠣ᠂ 64.04% ᠪᠠᠷ ᠪᠠᠭᠤᠷᠠᠪᠠ︔ ᠮᠦᠩᠬᠦᠨ ᠬᠦᠢᠯᠬᠡᠬᠡᠨ  ᠤ ᠦᠢᠯᠡᠰ 0.15 ᠳ᠋ᠦᠩᠰᠢᠭᠤᠷ ᠳᠦᠭᠦᠷᠢᠭ ᠪᠡᠶᠡᠯᠡᠭᠦᠯᠵᠣ᠂ 10.12% ᠢᠶᠠᠷ ᠨᠡᠮᠡᠭᠳᠡᠪᠡ︔ ᠪᠣᠰᠣᠳ ᠠᠵᠢᠯ ᠲᠦᠷᠦᠯ 1.39 ᠳ᠋ᠦᠩᠰᠢᠭᠤᠷ ᠳᠦᠭᠦᠷᠢᠭ  ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ 63.13%  ᠪᠠᠷ ᠪᠠᠭᠤᠷᠠᠪᠠ᠃2017 ᠣᠨ ᠤ ᠲᠥᠷᠥᠭᠦᠥ ᠭᠤᠷᠪᠠᠨ ᠣᠯᠠᠷᠢᠯ ᠤᠨ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 19.81 ᠳ᠋ᠦᠩᠰᠢᠭᠤᠷ ᠲᠦᠭᠦᠷᠢᠭ ᠬᠦᠷᠴᠦ᠂ 3.45% ᠪᠠᠷ ᠨᠡᠮᠡᠭᠳᠡᠪᠠ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 19.35 ᠳ᠋ᠦᠩᠰᠢᠭᠤᠷ ᠲᠦᠭᠦᠷᠢᠭ᠂ ᠱᠠᠩᠬᠠᠢ ᠶᠢᠨ ᠰᠦᠮ᠎ᠡ ᠨᠡᠬᠡᠬᠡᠯᠲᠡ ᠶᠢᠨ ᠣᠷᠣᠨ ᠤ  ᠵᠠᠷᠣᠯᠭ᠎ᠠ 0.46 ᠳ᠋ᠦᠩᠰᠢᠭᠤᠷ ᠲᠥᠭᠦᠷᠢᠭ᠃       ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2017 ᠤᠨ ᠤ ᠲᠥᠷᠥᠭᠦᠥ ᠭᠤᠷᠪᠠᠨ ᠣᠯᠠᠷᠢᠯ ᠤᠨ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠳᠤᠰ ᠱᠠᠳᠤᠨ ᠤ ᠤᠷᠤᠯᠭ᠎ᠠ 0.95 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 0.08 ᠳ᠋ᠦᠩᠰᠢᠭᠤᠷ ᠲᠦᠬᠦᠷᠢᠭ ᠨᠡᠮᠡᠭᠳᠡᠵᠤ᠂ 9.2% ᠢᠶᠠᠷ ᠦᠰᠪᠠ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ 1.05 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ ᠨᠡᠮᠡᠭᠳᠡᠵᠤ᠂ 23.53% ᠪᠠᠷ ᠦᠰᠪᠠ᠃       ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2017 ᠤᠨ ᠤ ᠲᠥᠷᠥᠭᠦᠥ ᠭᠤᠷᠪᠠᠨ ᠣᠯᠠᠷᠢᠯ ᠳᠤ ᠪᠦᠬᠦ ᠬᠤᠰᠢᠭᠤᠨ ᠤ ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 1.05 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.22 ᠳ᠋ᠦᠩᠰᠢᠭᠤᠷ ᠲᠦᠬᠦᠷᠢᠭ ᠨᠡᠮᠡᠭᠳᠡᠵᠣ᠂ 26.51% ᠪᠠᠷ ᠦᠰᠪᠡ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ 0.91 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠠᠴᠠ 0.17 ᠳ᠋ᠦᠩᠰᠢᠭᠤᠷ ᠲᠦᠬᠦᠷᠢᠭ ᠨᠡᠮᠡᠭᠳᠡᠵᠣ᠂ 22.97% ᠪᠠᠷ ᠦᠰᠪᠡ᠃       2017 ᠣᠨ ᠤ ᠲᠥᠷᠥᠭᠦᠥ ᠭᠤᠷᠪᠠᠨ ᠣᠯᠠᠷᠢᠯ ᠤᠨ ᠡᠳ᠋ ᠤᠨ ᠵᠠᠰᠠᠭ ᠤᠨ ᠠᠵᠢᠯ ᠪᠣᠯᠣᠨ ᠲᠦᠰᠦᠪ ᠤᠨ ᠬᠡᠷᠡᠭᠵᠢᠭᠦᠯᠦᠯᠳᠡ ᠶᠢᠨ ᠭᠤᠣᠯ ᠣᠨᠴᠠᠯᠢᠭ       ︵ᠨᠢᠭᠡ︶ ᠣᠷᠣᠯᠭ᠎ᠠ ᠲᠠᠳᠠᠪᠦᠷᠢᠯᠠᠯᠳᠠ ᠪᠠᠨ ᠴᠢᠩᠭᠠᠳᠬᠠᠨ᠂ ᠡᠳ᠋ ᠤᠨ ᠵᠠᠰᠠᠭ ᠤᠨ ᠣᠷᠣᠯᠭ᠎ᠠ ᠶᠢ ᠲᠣᠭᠳᠠᠭᠤᠨ ᠨᠡᠮᠡᠭᠳᠡᠬᠦᠯᠪᠠ᠃ ᠣᠷᠣᠯᠭ᠎ᠠ ᠲᠠᠳᠠᠪᠦᠷᠢᠯᠠᠯᠳᠠ ᠶᠢ ᠡᠳ᠋ ᠤᠨ ᠵᠠᠰᠠᠭ ᠤᠨ ᠠᠵᠢᠯ ᠤᠨ ᠭᠤᠣᠯᠳᠠᠯᠭ᠎ᠠ ᠪᠣᠯᠭᠠᠵᠣ᠂ ᠲᠣᠪᠣᠶᠢᠮ᠎ᠠ ᠪᠠᠶᠢᠷᠢᠨ ᠳᠤ ᠲᠠᠯᠪᠢᠪᠠ᠃ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠦᠴᠢᠷ ᠬᠠᠣᠯᠢ ᠶᠣᠰᠣᠭᠠᠷ ᠲᠠᠳᠠᠪᠦᠷᠢᠯᠠᠨ ᠬᠠᠮᠢᠶᠠᠷᠬᠤ ᠪᠠ ᠡᠳ᠋ ᠤᠨ ᠵᠠᠰᠠᠭ ᠤᠨ ᠢᠷᠡᠯᠳᠡ ᠶᠢ ᠲᠣᠭᠳᠠᠪᠦᠷᠢᠵᠢᠭᠤᠯᠬᠤ ᠶᠢ ᠬᠠᠮᠳᠦ ᠳᠤ ᠨᠢ ᠪᠠᠷᠢᠮᠳᠠᠯᠠᠵᠣ᠂ ᠬᠠᠣᠯᠢ ᠶᠣᠰᠣᠭᠠᠷ ᠵᠠᠰᠠᠭ ᠶᠠᠪᠣᠭᠤᠯᠬᠤ᠂ ᠭᠠᠶᠢᠯᠢ ᠶᠢᠨ ᠶᠠᠪᠣᠳᠠᠯ ᠢ ᠶᠡᠷᠦᠩᠬᠡᠶᠢᠯᠡᠨ ᠵᠠᠰᠠᠬᠤ ᠵᠡᠷᠬᠡ ᠠᠷᠭ᠎ᠠ ᠠᠪᠴᠠᠯ ᠢ ᠬᠦᠴᠦᠯᠡᠨ ᠨᠠᠶᠢᠳᠠᠪᠦᠷᠢᠵᠢᠭᠤᠯᠵᠣ᠂ ᠣᠷᠣᠯᠭ᠎ᠠ ᠶᠢᠨ ᠴᠢᠨᠠᠷᠵᠢᠯ ᠢ ᠢᠯᠡᠷᠬᠡᠢ ᠲᠡᠭᠡᠭᠰᠢᠯᠡᠭᠦᠯᠪᠡ᠃ ᠪᠦᠳᠦᠴᠡ ᠶᠢᠨ ᠴᠢᠨᠠᠷᠳᠠᠢ ᠭᠠᠶᠢᠯᠢ ᠪᠠᠭᠠᠰᠬᠠᠨ ᠵᠠᠷᠣᠳᠠᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠡᠳ᠋ ᠤᠨ ᠵᠠᠰᠠᠭ ᠭᠠᠶᠢᠯᠢ ᠶᠢᠨ ᠲᠣᠭᠳᠠᠭᠤᠨ ᠨᠡᠮᠡᠭᠳᠡᠯ ᠤᠨ ᠠᠷᠭ᠎ᠠ ᠠᠪᠴᠠᠯ ᠢ ᠰᠢᠨᠡᠴᠢᠯᠡᠯᠳᠡ ᠲᠠᠢ ᠬᠡᠷᠡᠭᠵᠢᠭᠦᠯᠵᠣ᠂ ᠭᠤᠯᠳᠠᠯᠭᠠᠳᠦ ᠠᠵᠢᠯ ᠲᠦᠷᠦᠯ᠂ ᠠᠵᠣ ᠠᠬᠤᠶᠢᠯᠠᠯ ᠪᠣᠯᠣᠨ ᠭᠠᠶᠢᠯᠢ ᠶᠢᠨ ᠢᠷᠡᠯᠳᠡ ᠶᠢᠨ ᠲᠣᠮᠣ ᠡᠷᠦᠬᠡ ᠳᠤ ᠣᠶᠢᠯᠡᠴᠢᠯᠡᠨ ᠲᠡᠮᠵᠢᠬᠦ ᠪᠠᠨ ᠴᠢᠩᠭᠠᠳᠬᠠᠵᠣ᠂ ᠬᠠᠳᠠᠭᠠᠯᠠᠯ ᠬᠢᠬᠡᠳ ᠣᠷᠣᠯᠭ᠎ᠠ ᠶᠢᠨ ᠨᠡᠮᠡᠭᠳᠡᠯ᠂ ᠣᠷᠣᠯᠭ᠎ᠠ ᠶᠢᠨ ᠲᠣᠭᠳᠠᠪᠦᠷᠢᠵᠢᠭᠤᠯᠣᠯᠳᠠ ᠬᠢᠭᠡᠳ ᠣᠷᠣᠯᠭ᠎ᠠ ᠶᠢᠨ ᠴᠢᠨᠠᠷ ᠤᠨ ᠪᠠᠳᠣᠯᠠᠭ᠎ᠠ ᠶᠢ ᠬᠠᠮᠳᠦ ᠳᠤ ᠨᠢ ᠴᠢᠬᠤᠯᠠᠴᠢᠯᠠᠨ ᠠᠳᠬᠤᠪᠠ᠃ ᠲᠥᠷᠥᠭᠦᠥ ᠭᠤᠷᠪᠠᠨ ᠣᠯᠠᠷᠢᠯ ᠳᠤ ᠪᠦᠬᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 6.78 ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠵᠢᠯ ᠤᠨ ᠵᠢᠱᠢᠭᠰᠡᠨ ᠬᠠᠷᠠᠯᠳᠠ ᠡᠭᠦᠷᠭᠡ ᠶᠢᠨ 84.75% ᠶᠢ ᠪᠡᠶᠡᠯᠡᠭᠦᠯᠵᠣ᠂ ᠡᠭᠦᠨ ᠳᠤ ᠭᠠᠶᠢᠯᠢ ᠶᠢᠨ ᠣᠷᠣᠯᠭ᠎ᠠ 3.41 ᠳ᠋ᠦᠩᠰᠢᠭᠤᠷ ᠲᠦᠭᠦᠷᠢᠭ᠂ ᠭᠠᠶᠢᠯᠢ ᠶᠢᠨ ᠪᠣᠰᠣ ᠣᠷᠣᠯᠭ᠎ᠠ 3.37 ᠳ᠋ᠦᠩᠰᠢᠭᠤᠷ ᠲᠦᠭᠦᠷᠢᠭ ᠪᠡᠶᠡᠯᠡᠭᠦᠯᠪᠡ᠃       ︵ᠬᠤᠶᠠᠷ︶ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠦᠨ᠂ ᠠᠷᠠᠳ ᠤᠨ ᠠᠮᠢᠳᠣᠷᠠᠯ ᠤᠨ ᠪᠠᠳᠣᠯᠠᠭ᠎ᠠ ᠶᠢ ᠡᠷᠴᠢᠮᠵᠢᠭᠦᠯᠪᠡ᠃ ︽ᠣᠷᠣᠯᠭ᠎ᠠ ᠪᠠᠨ ᠦᠨᠳᠦᠰᠦᠯᠡᠨ ᠵᠠᠷᠣᠯᠭ᠎ᠠ ᠪᠠᠨ ᠲᠣᠬᠢᠷᠠᠭᠤᠯᠬᠤ᠂ ᠪᠠᠳᠣᠯᠠᠬᠤ ᠪᠠᠭᠠᠰᠬᠠᠬᠤ ᠶᠢ ᠣᠶᠠᠯᠳᠣᠭᠤᠯᠬᠤ︾ ᠵᠠᠷᠴᠢᠮ ᠢ ᠪᠠᠷᠢᠮᠳᠠᠯᠠᠨ ᠵᠠᠷᠣᠯᠭ᠎ᠠ ᠶᠢᠨ ᠬᠠᠮᠢᠶᠠᠷᠣᠯᠳᠠ ᠶᠢ ᠴᠢᠩᠭᠠᠳᠬᠠᠵᠣ᠂ ᠵᠣᠬᠢᠰᠳᠠᠢ ᠬᠤᠪᠢᠶᠠᠷᠢᠯᠠᠯ ᠢ ᠪᠠᠳᠣᠯᠠᠪᠠ᠃ ︽ᠭᠤᠷᠪᠠᠨ ᠠᠯᠪᠠᠨ ᠤ ᠵᠠᠷᠣᠳᠠᠯ︾ ᠪᠣᠯᠣᠨ ᠡᠩ ᠤᠨ ᠵᠠᠷᠣᠯᠭ᠎ᠠ ᠶᠢ ᠶᠡᠭᠡ ᠪᠠᠷ ᠪᠠᠭᠠᠰᠬᠠᠨ᠂ ᠪᠠᠶᠢᠭᠤᠯᠣᠮᠵᠢ ᠶᠢᠨ ᠡᠷᠬᠢᠯᠳᠡ᠂ ᠠᠵᠢᠯᠳᠠᠨ ᠤ ᠴᠠᠯᠢᠩ᠂ ᠨᠡᠶᠢᠭᠡᠮ ᠤᠨ ᠪᠠᠳᠣᠯᠠᠭ᠎ᠠ ᠪᠣᠯᠣᠨ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠲᠠᠢ ᠬᠤᠯᠪᠣᠭᠳᠠᠬᠤ ᠭᠤᠣᠯᠳᠠᠯᠭ᠎ᠠ ᠲᠠᠢ ᠵᠠᠷᠣᠳᠠᠯ ᠢ ᠰᠠᠶᠢᠳᠦᠷ ᠪᠠᠳᠣᠯᠠᠭᠰᠠᠨ ᠰᠠᠭᠤᠷᠢᠨ ᠲᠡᠭᠡᠷ᠎ᠡ᠂ ︽ᠦᠨᠳᠦᠰᠣᠨ ᠵᠣᠶᠢᠯ ᠢ ᠪᠠᠳᠣᠯᠠᠬᠤ᠂ ᠲᠣᠣᠷ᠎ᠠ ᠬᠢᠵᠠᠭᠠᠷ ᠢ ᠪᠠᠳᠣᠯᠠᠬᠤ᠂ ᠡᠷᠭᠡ ᠲᠡᠭᠰᠢ ᠶᠢ ᠠᠬᠢᠭᠤᠯᠬᠤ︾ ᠶᠢ ᠴᠢᠬᠤᠯᠠᠴᠢᠯᠠᠵᠣ᠂ ᠨᠡᠩ ᠠᠷᠪᠢᠨ ᠡᠳ᠋ ᠤᠨ ᠬᠦᠴᠦᠨ ᠢ ᠠᠷᠠᠳ ᠤᠨ ᠠᠮᠢᠳᠣᠷᠠᠯ ᠤᠨ ᠬᠦᠷᠢᠶ᠎ᠠ ᠬᠡᠪᠴᠢᠶᠠᠨ ᠳᠤ ᠵᠠᠷᠣᠴᠠᠭᠤᠯᠵᠣ᠂ ᠨᠡᠶᠢᠳᠡ ᠶᠢᠨ ᠡᠳ᠋ ᠤᠨ ᠵᠠᠰᠠᠭ ᠤᠨ ᠣᠨᠣᠯᠵᠢᠭᠤᠨ ᠢ ᠡᠳ᠋ ᠤᠨ ᠵᠠᠰᠠᠭ ᠤᠨ ᠠᠵᠢᠯ ᠤᠨ ᠪᠦᠬᠦ ᠶᠠᠪᠣᠴᠠ ᠳᠤ ᠲᠣᠣᠱᠯᠠᠭᠤᠯᠵᠣ᠂ ᠠᠷᠠᠳ ᠤᠨ ᠠᠮᠢᠳᠣᠷᠠᠯ ᠤᠨ ᠰᠠᠶᠢᠵᠢᠷᠠᠭᠤᠯᠣᠯᠳᠠ ᠶᠢ ᠡᠳ᠋ ᠤᠨ ᠵᠠᠰᠠᠭ ᠤᠨ ᠭᠠᠷᠳᠠᠴᠠ ᠪᠣᠯᠣᠨ ᠵᠣᠭᠰᠣᠴᠠ ᠪᠣᠯᠭᠠᠵᠣ᠂ ᠡᠳ᠋ ᠤᠨ ᠵᠠᠰᠠᠭ ᠤᠨ ᠪᠠᠳᠣᠯᠠᠭᠠᠨ ᠤ ᠲᠡᠷᠢᠭᠦᠨ ᠪᠠᠶᠢᠷᠢᠨ  ᠳᠤ ᠲᠠᠯᠪᠢᠪᠠ᠃ ᠡᠭᠦᠨ ᠳᠤ ᠠᠷᠠᠳ ᠤᠨ ᠠᠮᠢᠳᠣᠷᠠᠯ ᠤᠨ ᠲᠠᠯ᠎ᠠ ᠪᠠᠷ 15.96 ᠳ᠋ᠦᠩᠰᠢᠭᠤᠷ ᠲᠦᠭᠦᠷᠢᠭ ᠵᠠᠷᠣᠴᠠᠭᠤᠯᠵᠣ᠂ ᠡᠳ᠋ ᠤᠨ ᠵᠠᠰᠠᠭ ᠤᠨ ᠶᠡᠷᠦᠩᠭᠡᠢ ᠵᠠᠷᠣᠯᠭ᠎ᠠ ᠶᠢᠨ 80.57 ᠶᠢ ᠡᠵᠡᠯᠡᠵᠣ᠂ ᠠᠷᠠᠳ ᠤᠨ ᠠᠮᠢᠳᠣᠷᠠᠯ ᠢ ᠪᠦᠳᠦᠮᠵᠢᠳᠡᠢ ᠪᠠᠳᠣᠯᠠᠨ ᠰᠠᠶᠢᠵᠢᠷᠠᠭᠤᠯᠪᠠ᠃       ︵ᠭᠤᠷᠪᠠ︶ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠠᠵᠣ ᠠᠬᠤᠢ ᠶᠢᠨ ᠬᠦᠭᠵᠢᠯᠳᠡ ᠶᠢᠨ ᠬᠤᠪᠢᠷᠠᠭᠤᠯᠣᠯᠳᠠ ᠲᠣᠬᠢᠷᠠᠭᠤᠯᠣᠯᠳᠠ ᠶᠢ ᠲᠡᠰ ᠲᠠᠪᠰᠢᠭᠤᠯᠪᠠ᠃ ᠨᠢᠭᠡ ᠳᠤ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠤᠨ ᠭᠠᠶᠢᠯᠢ ᠪᠣᠯᠭᠠᠨ ᠬᠤᠪᠢᠷᠠᠭᠤᠯᠬᠤ︾ ᠲᠣᠷᠰᠢᠯᠳᠠ ᠶᠢᠨ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠣ᠂ ᠭᠠᠶᠢᠯᠢ ᠲᠠᠳᠠᠪᠦᠷᠢ᠂ ᠨᠡᠶᠢᠭᠡᠮ ᠤᠨ ᠪᠠᠳᠣᠯᠠᠭ᠎ᠠ ᠪᠠᠷ ᠭᠤᠣᠯ ᠠᠷᠭ᠎ᠠ ᠠᠪᠴᠠᠯ ᠪᠣᠯᠭᠠᠭᠰᠠᠨ ᠲᠠᠬᠢᠨ ᠵᠣᠬᠢᠴᠠᠭᠤᠯᠬᠤ ᠲᠣᠭᠳᠠᠴᠠ ᠶᠢ ᠣᠯᠠᠮ ᠲᠡᠭᠦᠯᠳᠡᠷᠵᠢᠭᠦᠯᠦᠨ᠂ ᠪᠠᠭ᠎ᠠ ᠵᠢᠵᠢᠭ ᠠᠵᠣ ᠠᠬᠤᠶᠢᠯᠠᠯ ᠪᠣᠯᠣᠨ ᠣᠶᠢᠯᠠᠳᠪᠦᠷᠢ ᠬᠤᠳᠠᠯᠳᠣᠭᠠᠨ ᠤ ᠬᠤᠪᠢ ᠡᠷᠦᠭᠡ ᠶᠢᠨ ᠭᠠᠶᠢᠯᠢ ᠲᠠᠳᠠᠪᠦᠷᠢ ᠶᠢᠨ ᠡᠯ᠎ᠡ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠠᠵᠣ ᠠᠬᠤᠢ ᠶᠢ ᠲᠡᠳᠬᠦᠨ ᠬᠦᠭᠵᠢᠯᠳᠡ ᠶᠢ ᠨᠢ ᠲᠦᠷᠭᠡᠳᠬᠡᠪᠡ᠃  ᠬᠤᠶᠠᠷ ᠲᠤ PPP ᠵᠠᠭᠪᠣᠷ ᠢ ᠶᠡᠭᠡ ᠪᠠᠷ ᠲᠦᠭᠡᠮᠡᠯᠵᠢᠭᠦᠯᠵᠣ᠂ ᠬᠤᠪᠢ ᠶᠢᠨ ᠠᠵᠣ ᠠᠬᠤᠶᠢᠯᠠᠯ᠂ ᠠᠷᠠᠳ ᠤᠨ ᠬᠦᠷᠦᠩᠭᠡ ᠬᠢᠬᠡᠳ ᠵᠠᠰᠠᠭ ᠤᠨ ᠣᠷᠳᠣᠨ ᠤ ᠬᠠᠮᠳᠣᠷᠠᠯᠴᠠᠭ᠎ᠠ ᠶᠢ ᠵᠣᠷᠢᠭᠵᠢᠭᠤᠯᠣᠨ᠂ ᠪᠦᠬᠦ ᠬᠤᠰᠢᠭᠤᠨ ᠤ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠳᠤ ᠣᠷᠣᠯᠴᠠᠭᠤᠯᠵᠣ᠂ ᠲᠠᠪᠣᠨ ᠲᠦᠷᠦᠯ ᠵᠣᠶᠢᠯ ᠢ ᠦᠪᠡᠷᠳᠡᠭᠡᠨ ᠵᠠᠰᠠᠬᠤ ᠣᠷᠣᠨ ᠤ PPP ᠲᠠᠭᠤᠷᠢᠶᠠᠯ ᠲᠦᠷᠦᠯ ᠵᠣᠶᠢᠯ ᠤᠨ ᠬᠦᠮᠦᠷᠭᠡ ᠳᠤ ᠣᠷᠣᠭᠤᠯᠣᠨ᠂ ᠤᠳᠤᠭ ᠤᠨ ᠡᠮᠥᠨᠡᠳᠥ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ᠂ ᠪᠣᠷᠣᠪᠠᠯᠭᠠᠰᠦ ᠶᠢᠨ ᠣᠨᠴᠠᠯᠢᠭᠳᠦ ᠪᠠᠯᠭᠠᠰᠣᠨ ᠤ ᠪᠠᠶᠢᠭᠤᠯᠣᠯᠳᠠ ᠡᠬᠢᠯᠡᠨ ᠬᠡᠷᠡᠭᠵᠢᠭᠦᠯᠦᠭᠳᠡᠵᠣ᠂ ᠬᠤᠯᠪᠣᠭᠳᠠᠬᠤ ᠪᠡᠯᠡ ᠮᠦᠩᠭᠦ 9.27 ᠳ᠋ᠦᠩᠰᠢᠭᠤᠷ ᠲᠦᠭᠦᠷᠢᠭ ᠲᠤ ᠬᠦᠷᠴᠦ᠂ ᠨᠡᠶᠢᠭᠡᠮ ᠤᠨ ᠬᠦᠷᠦᠩᠭᠡ ᠶᠢ ᠪᠦᠳᠦᠮᠵᠢᠳᠡᠢ ᠲᠠᠶᠢᠴᠢᠯᠠᠨ᠂ ᠠᠵᠣ ᠠᠬᠤᠢ ᠶᠢᠨ ᠨᠡᠮᠡᠭᠳᠡᠯ ᠤᠨ ᠰᠢᠨ᠎ᠡ ᠬᠦᠳᠡᠯᠭᠡᠭᠴᠢ ᠬᠦᠴᠦᠨ ᠪᠣᠶᠢᠵᠢᠭᠤᠯᠪᠠ᠃ ᠭᠤᠷᠪᠠ ᠳᠤ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠲᠣᠳᠣᠭᠠᠳᠦ ᠬᠢᠵᠠᠭᠠᠷᠯᠠᠯ ᠤᠨ ᠬᠠᠮᠢᠶᠠᠷᠣᠯᠳᠠ ᠶᠢ ᠴᠢᠩᠭᠠᠳᠬᠠᠨ᠂ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠦᠷ᠎ᠡ ᠠᠰᠢᠭ ᠢ ᠲᠠᠰᠣᠷᠠᠯᠳᠠ ᠦᠭᠡᠢ ᠲᠡᠭᠡᠭᠰᠢᠯᠡᠭᠦᠯᠵᠣ᠂ ᠪᠦᠬᠦ ᠬᠤᠰᠢᠭᠤᠨ ᠤ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠬᠡᠪᠴᠢᠶᠡᠵᠢᠯ 3.23 ᠳ᠋ᠦᠩᠰᠢᠭᠤᠷ ᠲᠦᠭᠦᠷᠢᠭ ᠬᠦᠷᠴᠦ᠂ ᠨᠡᠶᠢᠳᠡ 0.21 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠠᠷᠪᠢᠯᠠᠨ᠂ ᠪᠡᠯᠡ ᠮᠦᠩᠭᠦᠨ ᠤ ᠠᠷᠪᠢᠯᠠᠯᠳᠠ ᠶᠢᠨ ᠨᠣᠷᠮ᠎ᠠ 6.31% ᠳᠤ ᠬᠦᠷᠪᠡ᠃ ᠲᠦᠷᠪᠡ ᠳᠤ ᠵᠠᠰᠠᠭ ᠤᠨ ᠣᠷᠳᠣᠨ ᠠᠴᠠ ᠣᠶᠢᠯᠡᠴᠢᠯᠡᠭᠡ ᠬᠤᠳᠠᠯᠳᠣᠨ ᠠᠪᠬᠤ ᠶᠢ ᠢᠳᠡᠪᠬᠢᠳᠡᠢ ᠬᠡᠷᠡᠭᠵᠢᠭᠦᠯᠦᠨ᠂ ᠠᠷᠠᠳ ᠤᠨ ᠠᠮᠢᠳᠣᠷᠠᠯ ᠲᠠᠢ ᠬᠤᠯᠪᠣᠭᠳᠠᠬᠤ ᠲᠣᠯᠠᠭᠠᠯᠠᠭ᠎ᠠ ᠶᠢᠨ ᠲᠦᠪᠯᠡᠷᠡᠩᠭᠦᠢ ᠬᠠᠩᠭᠠᠯᠠᠭ᠎ᠠ᠂ ᠠᠳᠠᠯ ᠠᠬᠤᠢ ᠶᠢᠨ ᠬᠠᠮᠢᠶᠠᠷᠣᠯᠳᠠ᠂ ᠴᠡᠴᠡᠷᠯᠢᠭᠵᠢᠭᠦᠯᠭᠡ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠨᠡᠶᠢᠳᠡ ᠶᠢᠨ ᠣᠶᠢᠯᠠᠰ ᠤᠨ ᠣᠶᠢᠯᠡᠴᠢᠯᠡᠭᠡ ᠶᠢ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠬᠡᠯᠪᠡᠷᠢ ᠪᠠᠷ ᠬᠡᠷᠡᠭᠵᠢᠭᠦᠯᠵᠣ᠂ ᠨᠡᠶᠢᠳᠡ ᠶᠢᠨ ᠣᠶᠢᠯᠡᠴᠢᠯᠡᠭᠡᠨ ᠤ ᠲᠦᠪᠰᠢᠨ ᠪᠣᠯᠣᠨ ᠨᠡᠶᠢᠭᠡᠮ  ᠤᠨ ᠵᠠᠰᠠᠯᠳᠠ ᠶᠢᠨ ᠴᠢᠳᠠᠪᠦᠷᠢ ᠶᠢ ᠪᠦᠳᠦᠮᠵᠢᠳᠡᠢ ᠲᠡᠭᠡᠭᠰᠢᠯᠡᠭᠦᠯᠪᠡ᠃ ᠲᠥᠷᠥᠭᠦᠥ ᠭᠤᠷᠪᠠᠨ ᠣᠯᠠᠷᠢᠯ ᠳᠤ ᠪᠦᠬᠦ ᠬᠤᠰᠢᠭᠤᠨ ᠤ ᠵᠠᠰᠠᠭ ᠤᠨ ᠣᠷᠳᠣᠨ ᠠᠴᠠ ᠬᠤᠳᠠᠯᠳᠣᠨ ᠠᠪᠬᠤ ᠣᠶᠢᠯᠡᠴᠢᠯᠡᠭᠡ 13 ᠲᠦᠷᠦᠯ ᠳᠤ ᠬᠦᠷᠴᠦ᠂ ᠡᠭᠦᠨ ᠳᠤ ᠦᠷᠭᠦᠯᠵᠢᠯᠡᠨ ᠪᠠᠶᠢᠭᠤᠯᠵᠣ ᠪᠠᠶᠢᠭ᠎ᠠ ᠲᠦᠷᠦᠯ ᠵᠣᠶᠢᠯ 8᠂ ᠰᠢᠨ᠎ᠡ ᠪᠠᠶᠢᠭᠤᠯᠣᠭᠰᠠᠨ ᠲᠦᠷᠦᠯ ᠵᠣᠶᠢᠯ 5 ᠪᠣᠯᠵᠣ᠂ 10 ᠵᠠᠰᠠᠭ ᠵᠠᠬᠢᠷᠭ᠎ᠠ ᠠᠵᠢᠯ ᠣᠶᠢᠯᠠᠰ ᠤᠨ ᠨᠢᠭᠡᠴᠡ ᠲᠠᠢ ᠬᠤᠯᠪᠣᠭᠳᠠᠨ ᠶᠡᠷᠦᠩᠬᠡᠢ ᠪᠡᠯᠡ ᠣᠷᠣᠭᠤᠯᠣᠯᠳᠠ0.39 ᠳ᠋ᠦᠩᠰᠢᠭᠤᠷ ᠲᠦᠭᠦᠷᠢᠭ ᠬᠦᠷᠪᠡ᠃       ︵ᠲᠦᠷᠪᠡ︶ ᠡᠳ᠋ ᠤᠨ ᠵᠠᠰᠠᠭ ᠤᠨ ᠬᠢᠨᠡᠨ ᠬᠠᠮᠢᠶᠠᠷᠣᠯᠳᠠ ᠶᠢ ᠴᠢᠩᠭᠠᠳᠬᠠᠨ᠂ ᠪᠡᠯᠡ ᠮᠥᠩᠭᠦᠨ ᠤ ᠦᠷ᠎ᠡ ᠠᠰᠢᠭ ᠢ ᠢᠯᠡᠷᠬᠡᠢ ᠲᠡᠭᠡᠭᠰᠢᠯᠡᠭᠦᠯᠪᠡ᠃ ᠨᠢᠭᠡ  ᠳᠤ ︽ᠭᠤᠷᠪᠠᠨ ᠠᠯᠪᠠᠨ ᠤ ᠵᠠᠷᠣᠳᠠᠯ︾ ᠢ ᠶᠡᠭᠡ ᠪᠠᠷ ᠪᠠᠭᠠᠰᠬᠠᠵᠣ᠂ ᠲᠥᠷᠥᠭᠦᠥ ᠭᠤᠷᠪᠠᠨ ᠣᠯᠠᠷᠢᠯ ᠳᠤ ᠪᠦᠬᠦ ᠬᠤᠰᠢᠭᠤᠨ ᠤ ︽ᠭᠤᠷᠪᠠᠨ ᠠᠯᠪᠠᠨ ᠤ ᠵᠠᠷᠣᠳᠠᠯ︾ ᠨᠡᠶᠢᠳᠡ 1013 ᠲᠦᠮᠡᠨ ᠲᠦᠬᠦᠷᠢᠭ ᠪᠣᠯᠵᠣ᠂ ᠠᠳᠠᠯᠢ ᠬᠤᠭᠤᠴᠠᠭᠠᠨ ᠠᠴᠠ 2.41% ᠪᠠᠭᠤᠷᠠᠨ᠂ ᠡᠩ ᠤᠨ ᠠᠯᠪᠠᠨ ᠤ ᠵᠠᠷᠣᠯᠭ᠎ᠠ ᠨᠡᠮᠡᠭᠳᠡᠭᠰᠡᠨ ᠦᠭᠡᠢ᠃ ᠬᠤᠶᠠᠷ ᠲᠤ ᠦᠷᠢ ᠦᠭᠴᠡᠭᠡᠨ ᠤ ᠬᠠᠮᠢᠶᠠᠷᠣᠯᠳᠠ ᠡᠵᠡᠮᠰᠢᠯ ᠢ ᠴᠢᠩᠭᠠᠳᠬᠠᠨ᠂ ᠣᠯᠠᠨ ᠠᠷᠭ᠎ᠠ ᠵᠠᠮ ᠢᠶᠠᠷ ᠦᠷᠢ ᠦᠭᠴᠡᠭᠡ ᠰᠢᠢᠳᠪᠦᠷᠢᠯᠡᠬᠦ ᠪᠡᠯᠡ ᠮᠦᠩᠭᠦ ᠴᠣᠭᠯᠠᠭᠤᠯᠵᠣ᠂ ᠦᠯᠡᠳᠡᠭᠳᠡᠯ ᠦᠷᠢ ᠦᠭᠴᠡᠭᠡ ᠶᠢ ᠲᠣᠬᠢᠳᠠᠢ ᠰᠢᠢᠳᠪᠦᠷᠢᠯᠡᠨ᠂ ᠣᠷᠣᠨ ᠬᠡᠪᠴᠢᠶᠡᠨ ᠤ ᠴᠢᠨᠠᠷᠳᠠᠢ ᠪᠠ ᠰᠢᠰᠲ᠋ᠧᠮᠳᠦ ᠴᠢᠨᠠᠷᠳᠠᠢ ᠲᠦᠭᠰᠢᠭᠦᠷᠢ ᠶᠢᠨ ᠬᠤᠷᠢᠭ᠎ᠠ ᠱᠣᠭᠤᠮ ᠢ ᠪᠠᠳᠦ ᠡᠵᠡᠮᠳᠡᠵᠣ᠂ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠦᠭᠰᠢᠭᠦᠷᠢ ᠶᠢ ᠦᠨᠡᠨ ᠬᠦ ᠰᠡᠷᠭᠡᠶᠢᠯᠡᠵᠣ᠂ ᠨᠡᠶᠢᠳᠡ 3.35 ᠳ᠋ᠦᠩᠰᠢᠭᠤᠷ ᠲᠦᠬᠦᠷᠢᠭ ᠤᠨ ᠵᠠᠰᠠᠭ ᠤᠨ ᠣᠷᠳᠣᠨ ᠤ ᠦᠯᠡᠳᠡᠭᠳᠡᠯ ᠦᠷᠢ ᠰᠢᠷᠢ ᠶᠢ ᠰᠢᠢᠳᠪᠦᠷᠢᠯᠡᠪᠡ᠃ ᠭᠤᠷᠪᠠ ᠳᠤ ᠵᠠᠰᠠᠭ ᠤᠨ ᠣᠷᠳᠣᠨ ᠤ ᠪᠡᠯᠡ ᠣᠷᠣᠭᠤᠯᠣᠭᠰᠠᠨ ᠲᠦᠷᠦᠯ ᠵᠣᠶᠢᠯ ᠠᠴᠠ ᠪᠦᠷᠢᠯᠳᠦᠭᠰᠡᠨ ᠬᠦᠷᠦᠩᠭᠡ ᠬᠤᠭᠰᠢᠯ ᠢ ᠪᠠᠶᠢᠴᠠᠭᠠᠨ ᠲᠣᠳᠣᠷᠬᠠᠶᠢᠯᠠᠵᠣ ᠲᠠᠩᠰᠠᠯᠠᠨ᠂ ᠮᠠᠨ ᠤ ᠬᠤᠰᠢᠭᠤᠨ ᠤ ᠣᠯᠣᠰ ᠤᠨ ᠦᠮᠴᠢᠯᠡᠯᠳᠦ ᠬᠦᠷᠦᠩᠭᠡ ᠬᠤᠭᠰᠢᠯ ᠤᠨ ᠵᠠᠩᠬᠢᠴᠢᠯᠠᠭᠰᠠᠨ ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠭᠦᠯᠵᠣ᠂ ᠤᠯᠤᠰ ᠤᠨ ᠥᠮᠴᠢᠯᠠᠯᠳᠤ ᠬᠥᠷᠥᠩᠭᠡ ᠬᠤᠭᠰᠢᠯ ᠤᠨ ᠠᠮᠤᠷ ᠲᠥᠪᠰᠢᠨ ᠪᠥᠷᠢᠨ ᠪᠥᠳᠥᠨ᠂ ᠥᠷᠳᠡᠭ ᠤᠨ ᠪᠠᠳᠤᠯᠠᠭ᠎ᠠ ᠥᠷᠳᠡᠭ ᠤᠨ ᠨᠡᠮᠡᠭᠳᠡᠯ ᠢ ᠪᠠᠳᠤᠯᠠᠪᠠ᠃ ᠲᠥᠷᠪᠡ ᠳᠤ᠂ ︽ᠵᠠᠪᠰᠢᠮᠠᠬᠠᠢ ᠢᠯᠵᠢᠷᠡᠯ︾ ᠤᠨ ᠠᠰᠠᠭᠤᠳᠠᠯ ᠢ ᠲᠥᠪᠯᠡᠷᠡᠭᠦᠯᠥᠨ ᠴᠡᠭᠴᠡᠯᠡᠭᠦ ᠲᠠᠢ ᠤᠶᠠᠯᠳᠤᠭᠤᠯᠤᠨ᠂ ᠨᠢᠭᠳᠠᠯᠠᠨ ᠪᠤᠳᠤᠯᠳᠠ ᠶᠢᠨ ᠮᠡᠳᠡᠭᠡ ᠵᠠᠩᠬᠢ ᠶᠢᠨ ᠴᠢᠨᠠᠷ ᠴᠢᠨᠰᠠᠭ᠎ᠠ᠂ ︽ᠭᠤᠷᠪᠠᠨ ᠠᠯᠪᠠᠨ ᠤ ᠵᠠᠷᠤᠳᠠᠯ︾᠂ ᠲᠥᠰᠥᠪ ᠪᠤᠯᠤᠨ ᠲᠥᠰᠥᠪ ᠤᠨ ᠭᠥᠢᠴᠡᠳᠭᠡᠯ ᠤᠨ ᠢᠯᠡᠰᠢᠭᠦᠯᠥᠯᠳᠡ ᠶᠢᠨ ᠬᠤᠯᠪᠤᠭᠳᠠᠯ ᠪᠥᠭᠦᠢ ᠬᠢᠨᠠᠯᠳᠠ ᠪᠠᠶᠢᠴᠠᠭᠠᠯᠳᠠ ᠶᠢ ᠪᠥᠭᠦ ᠲᠠᠯ᠎ᠠ ᠪᠠᠷ ᠥᠷᠨᠢᠭᠦᠯᠵᠥ᠂ ᠡᠳ᠋  ᠤᠨ ᠵᠠᠰᠠᠭ ᠤᠨ ᠪᠡᠯᠡ ᠮᠥᠩᠭᠦᠨ ᠤ ᠭᠡᠷᠡᠭᠯᠡᠯᠳᠡ ᠶᠢᠨ ᠶᠠᠪᠤᠴᠠ ᠳᠤ ᠤᠷᠤᠰᠢᠵᠤ ᠪᠥᠭᠦᠢ ᠲᠥᠷᠢᠮ ᠵᠥᠷᠢᠴᠡᠭᠰᠡᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠥᠷᠢᠯᠡᠵᠥ᠂ ᠠᠰᠠᠭᠤᠳᠠᠯ ᠤᠷᠤᠰᠢᠵᠤ ᠪᠠᠶᠢᠭ᠎ᠠ ᠨᠢᠭᠡᠴᠡ ᠳᠤ ᠰᠢᠢᠳᠪᠥᠷᠢᠯᠡᠭᠦ ᠰᠠᠨᠠᠯ ᠲᠤᠷᠠᠳᠤᠨ᠂ ᠡᠶᠢᠮᠤᠷᠭᠦ ᠠᠰᠠᠭᠤᠳᠠᠯ ᠲᠠᠬᠢᠨᠳᠠ ᠢᠯᠡᠷᠡᠭᠦ ᠶᠢ ᠲᠠᠰᠤ ᠵᠤᠭᠰᠤᠭᠠᠪᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠲᠤᠳᠤᠭᠠᠳᠤ ᠭᠡᠷᠡᠭᠯᠡᠭᠡ ᠶᠢ ᠥᠷᠭᠡᠳᠭᠡᠭᠦ ᠵᠡᠷᠭᠡ ᠡᠳ᠋ ᠤᠨ ᠵᠠᠰᠠᠭ ᠤᠨ ᠲᠤᠰᠬᠠᠢ ᠲᠥᠷᠥᠯ ᠤᠨ ᠪᠡᠯᠡ ᠮᠥᠩᠭᠦᠨ ᠤ ᠬᠢᠨᠠᠯᠳᠠ ᠬᠠᠮᠢᠶᠠᠷᠤᠯᠳᠠ ᠶᠢ ᠤᠯᠠᠮ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠳᠡ ᠶᠢᠨ ᠥᠷ᠎ᠡ ᠠᠰᠢᠭ ᠢ ᠲᠡᠭᠡᠭᠰᠢᠯᠡᠭᠦᠯᠪᠡ᠃  ᠲᠠᠪᠤ ᠳᠤ᠂ ︽ᠡᠭᠦᠷᠭᠡ ᠬᠠᠷᠢᠭᠤᠴᠠᠯᠭ᠎ᠠ ᠲᠤᠳᠤᠷᠬᠠᠢ᠂ ᠪᠥᠳᠥᠴᠡ ᠵᠥᠢ ᠵᠤᠬᠢᠰᠳᠡᠢ᠂ ᠡᠷᠬᠢᠯᠳᠡ ᠥᠨᠳᠥᠷ ᠠᠰᠢᠭᠳᠠᠢ᠂ ᠬᠢᠵᠠᠭᠠᠷᠯᠠᠯ ᠡᠷᠴᠢᠮ  ᠲᠠᠢ︾ ᠵᠠᠷᠴᠢᠮ ᠶᠤᠰᠤᠭᠠᠷ ᠲᠥᠰᠥᠪ ᠤᠨ ᠤᠷᠤᠨ ᠲᠤᠭ᠎ᠠ᠂ ᠲᠥᠰᠥᠪ ᠤᠨ ᠭᠡᠷᠡᠭᠵᠢᠭᠦᠯᠥᠯᠳᠡ᠂ ᠪᠠᠶᠢᠭᠤᠯᠭ᠎ᠠ ᠶᠢᠨ ᠠᠵᠢᠯᠯᠠᠮᠵᠢ ᠵᠡᠷᠭᠡ ᠶᠠᠪᠤᠴᠠ ᠳᠤ ᠤᠷᠤᠰᠢᠵᠤ ᠪᠠᠶᠢᠭ᠎ᠠ ᠲᠥᠭᠰᠢᠭᠦᠷᠢ ᠶᠢ ᠪᠠᠶᠢᠴᠠᠭᠠᠨ ᠡᠮᠬᠢᠯᠡᠭᠦ ᠪᠠᠷ ᠲᠠᠮᠵᠢᠭᠤᠯᠤᠨ᠂ ᠲᠤᠳᠤᠭᠠᠳᠤ ᠡᠵᠡᠮᠰᠢᠯ ᠬᠢᠵᠠᠭᠠᠷᠯᠠᠯ ᠢ ᠲᠥᠷᠢᠮᠵᠢᠭᠦᠯᠵᠥ᠂ ᠡᠳ᠋ ᠤᠨ ᠵᠠᠰᠠᠭ ᠤᠨ ᠲᠤᠳᠤᠭᠠᠳᠤ ᠬᠠᠮᠢᠶᠠᠷᠤᠯᠳᠠ ᠶᠢᠨ ᠴᠢᠳᠠᠪᠤᠷᠢ ᠶᠢ ᠲᠡᠭᠡᠭᠰᠢᠯᠡᠭᠦᠯᠪᠡ᠃       ᠲᠥᠯᠥᠭᠡᠯᠡᠭᠴᠢᠳ ᠡ᠂ ᠲᠥᠷᠥᠭᠦᠥ ᠭᠤᠷᠪᠠᠨ ᠤᠯᠠᠷᠢᠯ ᠤᠨ ᠡᠳ᠋ ᠤᠨ ᠵᠠᠰᠠᠭ ᠤᠨ ᠲᠥᠰᠥᠪ ᠤᠨ ᠭᠡᠷᠡᠭᠵᠢᠭᠦᠯᠥᠯᠳᠡ ᠶᠢᠨ ᠪᠠᠶᠢᠳᠠᠯ ᠶᠡᠷᠥᠩᠭᠡᠢ ᠳᠤ ᠪᠠᠨ ᠨᠡᠯᠢᠶᠡᠳ ᠰᠠᠶᠢᠨ ᠪᠠᠶᠢᠵᠤ᠂ ᠤᠷᠤᠯᠭ᠎ᠠ ᠵᠠᠷᠤᠯᠭ᠎ᠠ ᠶᠢᠨ ᠴᠢᠨᠠᠷᠵᠢᠯ ᠢᠯᠡᠷᠭᠡᠢ ᠲᠡᠭᠡᠭᠰᠢᠯᠡᠪᠡ᠃ ᠬᠡᠪᠡᠴᠤ ᠪᠢᠳᠠ᠂ ᠡᠳ᠋ ᠤᠨ ᠵᠠᠰᠠᠭ ᠤᠨ ᠠᠵᠢᠯ ᠳᠤ ᠲᠤᠯᠭᠠᠷᠠᠵᠤ ᠪᠥᠭᠦᠢ ᠭᠥᠴᠢᠷᠳᠡᠯ ᠪᠤᠯᠤᠨ ᠠᠰᠠᠭᠤᠳᠠᠯ ᠢ ᠰᠡᠷᠭᠡᠭ ᠢᠶᠠᠷ ᠲᠠᠨᠢᠬᠤ ᠭᠡᠷᠡᠭᠳᠡᠢ᠃ ᠨᠢᠭᠡ ᠳᠤ᠂ ᠠᠵᠤ ᠥᠢᠯᠡᠳᠪᠥᠷᠢ ᠪᠠᠷ ᠭᠤᠤᠯᠯᠠᠭᠤᠯᠤᠭᠰᠠᠨ ᠲᠤᠯᠭᠠᠭᠤᠷᠢᠯᠠᠬᠤ ᠭᠡᠯᠪᠡᠷᠢ ᠶᠢᠨ ᠡᠳ᠋ ᠤᠨ ᠢᠷᠡᠯᠳᠡ ᠪᠤᠯᠤᠨ ᠵᠢᠭᠤᠯᠴᠢᠯᠠᠯ᠂ ᠥᠢᠯᠡᠴᠢᠯᠡᠭᠡ᠂ ᠪᠤᠳᠠᠰ ᠤᠨ ᠭᠥᠢᠯᠭᠡᠭᠡ ᠵᠠᠷᠭᠡ ᠪᠠᠷ ᠭᠤᠤᠯᠯᠠᠭᠤᠯᠤᠭᠰᠠᠨ ᠪᠤᠰᠤᠳ ᠰᠢᠨ᠎ᠡ ᠭᠡᠯᠪᠡᠷᠢ ᠶᠢᠨ ᠡᠳ᠋ ᠤᠨ ᠢᠷᠡᠯᠳᠡ ᠬᠠᠷᠠᠬᠠᠨ ᠪᠤᠶᠢᠵᠢᠯᠳᠠ ᠲᠤᠮᠳᠠ ᠪᠠᠶᠢᠵᠤ᠂ ᠡᠳ᠋ ᠤᠨ ᠵᠠᠰᠠᠭ ᠲᠤ ᠬᠢ ᠬᠤᠪᠢ ᠨᠡᠮᠡᠷᠢ ᠲᠤᠩ ᠬᠢᠵᠠᠭᠠᠷ ᠲᠠᠢ᠂ ᠡᠳ᠋ ᠤᠨ ᠢᠷᠡᠯᠳᠡ ᠶᠢᠨ ᠪᠤᠶᠢᠵᠢᠭᠤᠯᠤᠯᠳᠠ ᠶᠢ ᠴᠢᠩᠭᠠᠳᠬᠠᠬᠤ ᠴᠢᠬᠤᠯᠠᠳᠠᠢ ᠪᠤᠢ︔ ᠬᠤᠶᠠᠷ ᠲᠤ᠂ ᠭᠥᠭᠵᠢᠯᠳᠡ ᠶᠢᠨ ᠬᠡᠷᠡᠭᠴᠡᠭᠡᠨ ᠤ ᠵᠠᠷᠤᠯᠭ᠎ᠠ ᠬᠢᠭᠡᠳ ᠡᠳ᠋ ᠤᠨ ᠭᠥᠴᠥᠨ ᠤ ᠨᠡᠮᠡᠭᠳᠡᠯ  ᠤᠨ ᠬᠤᠷᠳᠤᠴᠠ ᠲᠤᠬᠢᠷᠠᠯᠴᠠᠬᠤ ᠥᠭᠡᠢ᠂ ᠵᠠᠰᠠᠭ ᠤᠨ ᠤᠷᠳᠤᠨ ᠤ ᠥᠷᠢ ᠥᠭᠴᠡᠭᠡ ᠶᠢᠨ ᠲᠠᠷᠤᠭᠠᠰᠤ ᠭᠥᠨᠳᠤ᠂ ᠡᠳ᠋ ᠤᠨ ᠵᠠᠰᠠᠭ ᠤᠨ ᠵᠠᠷᠤᠯᠭ᠎ᠠ ᠶᠢᠨ ᠲᠠᠷᠤᠯᠳᠠ ᠨᠡᠯᠢᠶᠡᠳ ᠶᠡᠭᠡ ᠪᠤᠢ︔ ᠭᠤᠷᠪᠠ ᠳᠤ᠂ ᠭᠡᠰᠡᠭ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠳᠡ ᠶᠢᠨ ᠥᠷ᠎ᠡ ᠠᠰᠢᠭ ᠥᠨᠳᠥᠷ ᠪᠤᠰᠤ᠂ ᠡᠳ᠋ ᠤᠨ ᠵᠠᠰᠠᠭ ᠤᠨ ᠪᠥᠳᠥᠮᠵᠢ ᠶᠢᠨ ᠥᠨᠡᠯᠡᠯᠳᠡ ᠪᠤᠯᠤᠨ ᠪᠡᠯᠡ ᠤᠷᠤᠭᠤᠯᠤᠯᠳᠠ ᠶᠢ ᠬᠢᠨᠠᠨ ᠥᠨᠡᠯᠡᠭᠦ ᠠᠵᠢᠯ ᠢ ᠢᠳᠡᠪᠬᠢᠳᠡᠢ ᠠᠬᠢᠭᠤᠯᠬᠤ ᠴᠢᠬᠤᠯᠠᠳᠠᠢ ᠪᠤᠢ᠃      ᠬᠤᠶᠠᠷ᠂ ᠲᠠᠷᠠᠭ᠎ᠠ ᠠᠯᠬᠤᠮ ᠤᠨ ᠡᠳ᠋ ᠤᠨ ᠵᠠᠰᠠᠭ ᠤᠨ ᠠᠵᠢᠯ ᠤᠨ ᠲᠥᠯᠥᠪᠯᠡᠭᠡ2017 ᠣᠨ ᠳᠤ ᠲᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ ᠢ ᠵᠢᠱᠢᠯᠳᠠ ᠪᠠᠷ 8 ᠳ᠋ᠦᠩᠰᠢᠭᠤᠷ ᠲᠦᠬᠦᠷᠢᠭ ᠪᠡᠶᠡᠯᠡᠭᠦᠯᠵᠥ᠂ ᠨᠢᠭᠡᠳᠥᠯᠳᠡᠢ ᠪᠠᠷᠢᠮᠵᠢᠶ᠎ᠠ ᠪᠠᠷ 4.58% ᠦᠰᠬᠡᠨ᠎ᠠ ︵ᠭᠠᠶᠢᠯᠢ ᠶᠢᠨ ᠤᠷᠤᠯᠭ᠎ᠠ ᠶᠢ 4.6 ᠳ᠋ᠦᠩᠰᠢᠭᠤᠷ ᠲᠥᠭᠦᠷᠢᠭ ᠪᠡᠶᠡᠯᠡᠭᠦᠯᠵᠥ᠂ ᠭᠠᠶᠢᠯᠢ ᠶᠢᠨ ᠪᠤᠰᠤ ᠤᠷᠤᠯᠭ᠎ᠠ ᠶᠢ 3.4 ᠳ᠋ᠦᠩᠰᠢᠭᠤᠷ ᠲᠥᠭᠦᠷᠢᠭ ᠪᠡᠶᠡᠯᠡᠭᠦᠯᠥᠨ᠎ᠡ︶᠃ ᠲᠥᠷᠪᠡᠳᠥᠭᠡᠷ ᠤᠯᠠᠷᠢᠯ ᠳᠤ 1.22 ᠳ᠋ᠦᠩᠰᠢᠭᠤᠷ ᠲᠦᠭᠦᠷᠢᠭ ᠤᠷᠤᠯᠭ᠎ᠠ ᠪᠡᠶᠡᠯᠡᠭᠦᠯᠥᠨ᠎ᠡ ︵ᠭᠠᠶᠢᠯᠢ ᠶᠢᠨ ᠤᠷᠤᠯᠭ᠎ᠠ ᠶᠢ 1.19 ᠳ᠋ᠦᠩᠰᠢᠭᠤᠷ ᠲᠥᠭᠦᠷᠢᠭ ᠪᠡᠶᠡᠯᠡᠭᠦᠯᠵᠥ᠂ ᠭᠠᠶᠢᠯᠢ ᠶᠢᠨ ᠪᠤᠰᠤ ᠤᠷᠤᠯᠭ᠎ᠠ ᠶᠢ 0.03 ᠳ᠋ᠦᠩᠰᠢᠭᠤᠷ ᠲᠥᠭᠦᠷᠢᠭ ᠪᠡᠶᠡᠯᠡᠭᠦᠯᠥᠨ᠎ᠡ︶︔ ᠮᠠᠨ ᠤ ᠬᠤᠰᠢᠭᠤᠨ ᠤ ᠪᠤᠳᠠᠳᠤ ᠭᠡᠷᠡᠭᠴᠡᠭᠡ ᠲᠠᠢ ᠤᠶᠠᠯᠳᠤᠭᠤᠯᠤᠨ 2017 ᠤᠨ ᠤ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ ᠵᠢᠱᠢᠯᠳᠡ ᠪᠠᠷ 25.5 ᠳ᠋ᠦᠩᠰᠢᠭᠤᠷ ᠲᠥᠭᠦᠷᠢᠭ ᠪᠡᠶᠡᠯᠡᠭᠦᠯᠵᠥ᠂ ᠨᠢᠭᠡᠳᠥᠯᠳᠡᠢ ᠪᠠᠷᠢᠮᠵᠢᠶ᠎ᠠ ᠪᠠᠷ 6.87% ᠥᠰᠭᠡᠨ᠎ᠡ ︵ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ 0.87 ᠳ᠋ᠦᠩᠰᠢᠭᠤᠷ ᠲᠥᠭᠦᠷᠢᠭ ᠵᠠᠷᠤᠯᠭ᠎ᠠ ᠪᠠᠭᠳᠠᠨ᠎ᠠ︶᠂ ᠲᠥᠷᠪᠡᠳᠥᠭᠡᠷ ᠤᠯᠠᠷᠢᠯ ᠳᠤ 5.69 ᠳ᠋ᠦᠩᠰᠢᠭᠤᠷ ᠲᠥᠭᠦᠷᠢᠭ ᠵᠠᠷᠤᠯᠭ᠎ᠠ ᠪᠡᠶᠡᠯᠡᠭᠦᠯᠥᠨ᠎ᠡ  ︵ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ 0.41 ᠳ᠋ᠦᠩᠰᠢᠭᠤᠷ ᠲᠥᠭᠦᠷᠢᠭ ᠵᠠᠷᠤᠯᠭ᠎ᠠ ᠪᠠᠭᠳᠠᠨ᠎ᠠ︶᠃        ᠡᠳ᠋ ᠤᠨ ᠵᠠᠰᠠᠭ ᠤᠨ ᠡᠯ᠎ᠡ ᠲᠥᠷᠥᠯ ᠤᠨ ᠠᠵᠢᠯ ᠤᠨ ᠬᠠᠷᠠᠯᠳᠠ ᠪᠠᠨ ᠤᠷᠤᠭᠰᠢᠳᠠᠢ ᠪᠡᠶᠡᠯᠡᠭᠦᠯᠭᠦ ᠶᠢᠨ ᠲᠤᠰᠠᠳᠠ᠂ ᠪᠢᠳᠠ ᠲᠤᠤᠷᠠᠬᠢ ᠲᠠᠪᠣᠨ ᠲᠠᠯ᠎ᠠ ᠶᠢᠨ ᠠᠵᠢᠯ ᠢ ᠭᠤᠤᠯᠳᠠᠯᠭᠠᠳᠠᠢ ᠰᠠᠶᠢᠳᠤᠷ ᠠᠳᠬᠤᠨ᠎ᠠ᠃       ︵ᠨᠢᠭᠡ︶ ᠬᠡᠯᠪᠡᠷᠢ ᠶᠢ ᠬᠤᠪᠢᠷᠠᠭᠤᠯᠬᠤ ᠭᠥᠭᠵᠢᠯᠳᠡ ᠶᠢ ᠠᠬᠢᠭᠤᠯᠤᠨ᠂ ᠡᠳ᠋ ᠤᠨ ᠢᠷᠡᠯᠳᠡ ᠶᠢᠨ ᠪᠠᠶᠢᠭᠤᠯᠤᠯᠳᠠ ᠶᠢ ᠲᠥᠷᠭᠡᠳᠭᠡᠨ᠎ᠡ᠃ ᠨᠢᠭᠡ ᠲᠠᠯ᠎ᠠ ᠪᠠᠷ ᠠᠵᠤ ᠠᠬᠤᠶᠢᠯᠠᠯ ᠤᠨ ᠭᠥᠭᠵᠢᠯᠳᠡ ᠶᠢᠨ ᠤᠷᠴᠢᠨ ᠢ ᠰᠢᠯᠢᠳᠡᠭᠵᠢᠭᠦᠯᠥᠨ᠎ᠡ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠤᠨ ᠭᠠᠶᠢᠯᠢ ᠪᠤᠯᠭᠠᠨ ᠬᠤᠪᠢᠷᠠᠭᠤᠯᠬᠤ︾ ᠥᠭᠡᠷᠡᠴᠢᠯᠡᠯᠳᠡ᠂ ᠤᠯᠤᠰ ᠤᠨ ᠵᠠᠷᠤᠳᠠᠯ ᠢ ᠴᠡᠭᠴᠡᠯᠡᠨ ᠡᠭᠦᠷᠭᠡᠯᠡᠯ ᠢ ᠪᠠᠭᠠᠰᠬᠠᠬᠤ ᠲᠥᠷᠥ ᠶᠢᠨ ᠪᠤᠳᠤᠯᠭ᠎ᠠ᠂ ᠬᠠᠩᠭᠠᠯᠠᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠳᠠᠢ ᠥᠭᠡᠷᠡᠴᠢᠯᠡᠯᠳᠡ ᠶᠢᠨ ᠠᠬᠢᠯᠳᠠ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠳᠠᠯᠢ ᠪᠤᠰᠤ ᠠᠵᠢᠯ ᠲᠥᠷᠥᠯ ᠤᠨ ᠭᠥᠭᠵᠢᠯᠳᠡ ᠳᠤ ᠤᠷᠤᠰᠢᠵᠤ ᠪᠠᠶᠢᠭ᠎ᠠ ᠭᠥᠴᠢᠷᠳᠡᠯ ᠪᠤᠯᠤᠨ ᠠᠰᠠᠭᠤᠳᠠᠯ ᠢ ᠥᠨᠳᠥᠰᠥᠯᠡᠨ᠂ ᠠᠵᠤ ᠠᠬᠤᠶᠢᠯᠠᠯ ᠤᠨ ᠥᠢᠯᠡᠰ ᠪᠥᠳᠥᠭᠡᠯᠳᠡ᠂ ᠭᠥᠭᠵᠢᠯᠳᠡ ᠳᠤ ᠤᠬᠢ ᠰᠠᠶᠢᠨ ᠲᠥᠷᠥ ᠶᠢᠨ ᠪᠤᠳᠤᠯᠭ᠎ᠠ ᠶᠢᠨ ᠤᠷᠴᠢᠨ ᠪᠤᠯᠤᠨ ᠢᠳᠡᠪᠬᠢᠳᠡᠢ ᠡᠳ᠋ ᠤᠨ ᠭᠥᠴᠥᠨ ᠤ ᠲᠡᠮᠵᠢᠯᠭᠡ ᠬᠠᠩᠭᠠᠨ᠂ ᠠᠵᠤ ᠠᠬᠤᠶᠢᠯᠠᠯ ᠤᠨ ᠠᠮᠢᠳᠤᠯᠢᠭ ᠭᠥᠴᠥᠨ ᠢ ᠤᠯᠠᠮ ᠭᠥᠭᠵᠢᠭᠡᠵᠥ᠂ ᠮᠠᠨ ᠤ ᠬᠤᠰᠢᠭᠤᠨ ᠤ ᠭᠥᠭᠵᠢᠯᠳᠡ ᠳᠤ ᠡᠳ᠋ ᠤᠨ ᠢᠷᠡᠯᠳᠡ ᠪᠤᠶᠢᠵᠢᠭᠤᠯᠤᠨ᠎ᠠ᠃ ᠨᠥᠭᠦᠭᠡ ᠲᠠᠯ᠎ᠠ ᠪᠠᠷ᠂ ᠠᠵᠤ ᠥᠢᠯᠡᠰ ᠤᠨ ᠪᠥᠳᠥᠴᠡ ᠶᠢ ᠥᠷᠭᠦᠯᠵᠢᠯᠡᠭᠦᠯᠤᠨ ᠰᠢᠯᠢᠳᠡᠭᠵᠢᠭᠦᠯᠥᠨ ᠲᠡᠰ ᠲᠠᠪᠰᠢᠭᠤᠯᠤᠨ᠎ᠠ᠃ ᠡᠬᠢ ᠰᠤᠷᠪᠤᠯᠵᠢ ᠶᠢᠨ ᠲᠠᠪᠠᠭᠤᠯᠢᠭ ᠲᠤ ᠲᠥᠰᠢᠭᠯᠡᠨ ᠠᠵᠤ ᠥᠢᠯᠡᠰ ᠤᠨ ᠭᠡᠯᠬᠢᠶᠡᠵᠢᠯ ᠢ ᠤᠷᠳᠤᠰᠬᠠᠵᠤ᠂ ᠱᠠᠩᠬᠠᠢ  ᠶᠢᠨ ᠰᠥᠮ᠎ᠡ ᠠᠵᠤ ᠥᠢᠯᠡᠳᠪᠥᠷᠢ ᠶᠢᠨ ᠬᠥᠷᠢᠶᠡᠯᠡᠩ ᠤᠨ ᠨᠡᠭᠦᠷᠡᠰᠥᠨ ᠤ ᠬᠤᠪᠢᠷᠠᠭᠤᠯᠤᠯᠳᠠ ᠪᠤᠯᠤᠨ ᠨᠠᠷᠢᠯᠢᠭ ᠡᠳ᠋ᠰᠢᠭᠦᠯᠥᠯᠳᠡ ᠶᠢᠨ ᠠᠵᠤ ᠥᠢᠯᠡᠰ ᠤᠨ ᠭᠥᠭᠵᠢᠯᠳᠡ ᠶᠢ ᠠᠬᠢᠭᠤᠯᠤᠭᠰᠠᠨ ᠰᠠᠭᠤᠷᠢᠨ ᠲᠡᠭᠡᠷ᠎ᠡ ᠠᠵᠤ ᠥᠢᠯᠡᠳᠪᠥᠷᠢ ᠶᠢᠨ ᠲᠠᠶᠢᠴᠢᠯᠠᠬᠤ ᠥᠢᠯᠡᠳᠥᠯ ᠢ ᠭᠥᠢᠴᠡᠳ ᠪᠠᠳᠠᠷᠠᠭᠤᠯᠤᠨ᠂ ᠵᠢᠭᠤᠯᠴᠢᠯᠠᠯ ᠰᠡᠯᠡᠭᠦᠴᠡᠯ ᠴᠡᠩᠭᠡᠭᠦᠨ ᠪᠤᠯᠤᠨ ᠨᠠᠰᠤᠵᠢᠯ ᠥᠢᠯᠡᠴᠢᠯᠡᠭᠡ ᠵᠡᠷᠭᠡ ᠭᠤᠷᠪᠠᠳᠤᠭᠠᠷ ᠠᠵᠤ ᠥᠢᠯᠡᠰ ᠢ ᠶᠡᠭᠡ ᠪᠠᠷ ᠭᠥᠭᠵᠢᠭᠦᠯᠥᠨ᠂ ᠪᠡᠯᠡ ᠮᠥᠩᠭᠦ ᠲᠥᠷᠥ ᠶᠢᠨ ᠪᠤᠳᠤᠯᠭ᠎ᠠ ᠵᠡᠷᠭᠡ ᠤᠯᠠᠨ ᠲᠠᠯ᠎ᠠ ᠪᠠᠷ ᠲᠡᠮᠵᠢᠵᠤ᠂ ᠲᠠᠶᠠᠭᠠᠷ ᠤᠯᠠᠨ ᠢᠶᠠᠷ ᠢᠶᠠᠨ ᠰᠢᠨ᠎ᠡ ᠶᠢ ᠡᠭᠦᠳᠥᠨ ᠥᠢᠯᠡᠰ ᠪᠥᠳᠥᠭᠡᠭᠦ ᠰᠢᠨ᠎ᠡ ᠪᠠᠶᠢᠳᠠᠯ ᠢ ᠪᠤᠢ ᠪᠤᠯᠭᠠᠵᠤ᠂ ᠭᠡᠷᠡᠭᠯᠡᠭᠡᠨ ᠤ ᠭᠠᠶᠢᠯᠢ  ᠶᠢᠨ ᠢᠷᠡᠯᠳᠡ ᠶᠢ ᠥᠷᠭᠡᠳᠭᠡᠨ᠂ ᠡᠳ᠋ ᠤᠨ ᠵᠠᠰᠠᠭ ᠤᠨ ᠭᠥᠭᠵᠢᠯᠳᠡ ᠶᠢᠨ ᠭᠥᠳᠡᠯᠭᠡᠭᠦ ᠭᠥᠴᠥᠨ ᠢ ᠨᠡᠮᠡᠭᠳᠡᠭᠦᠯᠥᠨ᠎ᠡ᠃       ︵ᠬᠤᠶᠠᠷ︶ ᠤᠷᠤᠯᠭ᠎ᠠ ᠶᠢᠨ ᠲᠠᠳᠠᠪᠤᠷᠢᠯᠠᠯᠳᠠ ᠬᠠᠮᠢᠶᠠᠷᠤᠯᠳᠠ ᠶᠢ ᠴᠢᠩᠭᠠᠳᠬᠠᠨ᠂ ᠤᠷᠤᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠥᠨ᠎ᠡ᠃ ᠨᠢᠭᠡ ᠳᠤ ᠂ ᠭᠤᠤᠯᠳᠠᠯᠭᠠᠳᠤ ᠭᠥᠷᠢᠶ᠎ᠡ ᠬᠡᠪᠴᠢᠶ᠎ᠡ᠂ ᠭᠤᠤᠯᠳᠠᠭᠠᠳᠤ ᠠᠵᠢᠯ ᠲᠥᠷᠥᠯ ᠵᠡᠷᠭᠡ ᠭᠠᠶᠢᠯᠢ ᠶᠢᠨ ᠢᠷᠡᠯᠳᠡ ᠶᠢᠨ ᠭᠥᠳᠡᠯᠥᠩᠭᠦᠢ ᠵᠠᠳᠠᠯᠤᠯᠳᠠ ᠪᠤᠯᠤᠨ ᠲᠠᠯᠳᠠ ᠭᠠᠶᠢᠯᠢ  ᠶᠢᠨ ᠢᠷᠡᠯᠳᠡ᠂ ᠲᠠᠷᠬᠠᠢ ᠪᠤᠳᠠᠷᠬᠠᠢ ᠭᠠᠶᠢᠯᠢ ᠶᠢᠨ ᠢᠷᠡᠯᠳᠡ ᠶᠢᠨ ᠬᠠᠮᠢᠶᠠᠷᠤᠯᠳᠠ ᠶᠢ ᠴᠢᠩᠭᠠᠳᠬᠠᠨ᠂ ᠭᠠᠶᠢᠯᠢ ᠲᠠᠳᠠᠪᠤᠷᠢ ᠶᠢᠨ ᠲᠤᠰᠬᠠᠢ ᠪᠠᠶᠢᠴᠠᠭᠠᠯᠳᠠ ᠪᠤᠯᠤᠨ ᠭᠠᠶᠢᠯᠢ ᠶᠢᠨ ᠶᠠᠪᠤᠳᠠᠯ ᠤᠨ ᠮᠥᠷᠳᠡᠨ ᠪᠠᠶᠢᠴᠠᠭᠠᠯᠳᠠ ᠶᠢ ᠴᠢᠩᠭᠠᠷᠠᠭᠤᠯᠤᠨ᠂ ᠬᠠᠣᠯᠢ ᠲᠥᠷᠢᠮ ᠶᠤᠰᠤᠭᠠᠷ ᠤᠷᠤᠯᠭ᠎ᠠ ᠲᠡᠳᠡᠪᠥᠷᠢᠯᠡᠬᠤ ᠭᠥᠴᠥᠯᠡᠴᠡ ᠴᠢᠭᠯᠡᠯ ᠢ ᠡᠵᠡᠮᠳᠡᠨ᠂ ᠭᠠᠶᠢᠯᠢ ᠵᠠᠷᠤᠳᠠᠯ ᠲᠠᠳᠠᠪᠤᠷᠢᠯᠠᠬᠤ ᠶᠢ ᠪᠥᠭᠦ ᠲᠠᠯ᠎ᠠ ᠪᠠᠷ ᠠᠳᠬᠤᠨ᠂ ᠲᠠᠳᠠᠪᠤᠷᠢᠯᠠᠪᠠᠰᠤ ᠵᠤᠬᠢᠬᠤ ᠶᠢ ᠨᠢ ᠴᠥᠮ ᠲᠠᠳᠠᠪᠤᠷᠢᠯᠠᠬᠤ ᠶᠢ ᠪᠠᠳᠤᠯᠠᠨ᠎ᠠ᠃ ᠬᠤᠶᠠᠷ ᠲᠤ᠂ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠳᠠ ᠶᠢ ᠴᠢᠩᠭᠠᠳᠬᠠᠨ᠂ ᠲᠠᠳᠠᠪᠤᠷᠢᠯᠠᠬᠤ ᠬᠠᠮᠢᠶᠠᠷᠬᠤ ᠪᠠᠶᠢᠴᠠᠭᠠᠬᠤ ᠶᠢ ᠴᠤᠭᠴᠠᠵᠢᠭᠤᠯᠤᠭᠰᠠᠨ ᠭᠥᠳᠡᠯᠥᠩᠭᠦᠢ ᠡᠵᠠᠮᠰᠢᠯᠳᠠ ᠶᠢᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠥ᠂ ᠵᠠᠰᠠᠭ ᠤᠨ ᠤᠷᠳᠤᠨ ᠤ ᠡᠬᠢ ᠰᠤᠷᠪᠤᠯᠵᠢ ᠶᠢᠨ ᠴᠢᠨᠠᠷᠳᠠᠢ ᠠᠰᠢᠭ ᠤᠷᠤᠯᠭ᠎ᠠ  ᠶᠢᠨ ᠲᠥᠷᠢᠮᠵᠢᠯᠳᠤ ᠡᠷᠬᠢᠯᠳᠡ ᠶᠢᠨ ᠲᠥᠪᠰᠢᠨ ᠶᠢ ᠲᠡᠭᠡᠭᠰᠢᠯᠡᠭᠦᠯᠥᠨ᠂ ᠰᠠᠯᠠᠭ᠎ᠠ ᠮᠥᠴᠢᠷ ᠤᠨ ᠲᠥᠰᠥᠪ ᠪᠤᠯᠤᠨ ᠤᠯᠤᠰ ᠤᠨ ᠭᠥᠮᠥᠷᠭᠡ ᠠᠴᠠ ᠤᠯᠭᠤᠬᠤ ᠲᠥᠷᠢᠮ  ᠶᠢᠨ ᠥᠭᠡᠷᠡᠴᠢᠯᠡᠯᠳᠡ ᠲᠠᠢ ᠤᠶᠠᠯᠳᠤᠭᠤᠯᠤᠨ ᠭᠠᠶᠢᠯᠢ ᠶᠢᠨ ᠪᠤᠰᠤ ᠤᠷᠤᠯᠭ᠎ᠠ ᠶᠢᠨ ᠬᠠᠮᠢᠶᠠᠷᠤᠯᠳᠠ ᠶᠢ ᠲᠥᠷᠢᠮᠵᠢᠭᠦᠯᠥᠨ᠎ᠡ᠃ ᠭᠤᠷᠪᠠ ᠳᠤ᠂ ᠭᠠᠳᠠᠨᠠᠬᠢ ᠶᠢᠨ ᠠᠵᠤ ᠠᠬᠤᠶᠢᠯᠠᠯ ᠤᠨ ᠬᠠᠷᠢᠶ᠎ᠠ ᠤᠷᠤᠨ ᠤ ᠲᠠᠩᠰᠠᠯᠠᠯᠳᠠ᠂ ᠭᠠᠵᠠᠷ ᠰᠢᠷᠥᠢ ᠶᠢ ᠰᠢᠯᠵᠢᠭᠦᠯᠭᠦ᠂ ᠴᠢᠯᠠᠭᠤᠨ ᠲᠤᠰᠤ ᠰᠢᠳᠠᠮᠠᠬᠠᠢ ᠭᠡᠢ ᠶᠢᠨ ᠠᠵᠤ ᠠᠬᠤᠶᠢᠯᠠᠯ ᠤᠳ ᠤᠨ ᠥᠭᠴᠡᠭᠡ ᠪᠤᠯᠤᠨ ᠰᠤᠯᠠ ᠪᠠᠶᠢᠬᠤ ᠤᠯᠤᠰ ᠤᠨ ᠥᠮᠴᠢᠯᠡᠯᠳᠤ ᠡᠳ᠋ ᠭᠥᠷᠥᠩᠭᠡ ᠶᠢ ᠠᠮᠢᠳᠤᠯᠢᠭᠵᠢᠭᠤᠯᠬᠤ ᠵᠡᠷᠭᠡ ᠭᠥᠷᠢᠶ᠎ᠡ ᠬᠡᠪᠴᠢᠶᠡᠨ ᠳᠤ ᠬᠢ ᠲᠠᠯᠳᠠ ᠭᠥᠴᠥᠨ ᠢ ᠠᠭᠤᠳᠠᠯᠠᠨ ᠤᠷᠤᠯᠭ᠎ᠠ ᠪᠠᠨ ᠨᠡᠮᠡᠭᠳᠡᠭᠦᠯᠭᠦ ᠡᠷᠴᠢᠮ ᠢ ᠴᠢᠩᠭᠠᠳᠬᠠᠨ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠪᠡᠶᠡᠯᠡᠭᠦᠯᠥᠨ᠎ᠡ᠃       ︵ᠭᠤᠷᠪᠠ︶ ᠵᠠᠷᠤᠯᠭ᠎ᠠ ᠶᠢᠨ ᠪᠥᠳᠥᠴᠡ ᠶᠢ. ᠰᠢᠯᠢᠳᠡᠭᠵᠢᠭᠦᠯᠥᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠵᠠᠰᠠᠭ ᠤᠨ ᠤᠷᠳᠤᠨ ᠤ ᠪᠡᠯᠡ ᠤᠷᠤᠭᠤᠯᠤᠯᠳᠠ ︵ᠬᠤᠳᠠᠯᠳᠤᠨ ᠠᠪᠬᠤ︶ ᠶᠢᠨ ᠲᠥᠷᠥᠯ ᠵᠥᠢᠯ ᠤᠨ ᠲᠠᠭᠠᠭᠠᠴᠢᠯᠠᠯᠳᠠ ᠵᠠᠷᠯᠠᠨ ᠲᠠᠭᠠᠭᠠᠴᠢᠯᠠᠯᠳᠠ ᠭᠥᠯᠢᠶᠡᠭᠦ ᠬᠢᠵᠠᠭᠠᠷᠯᠠᠯ ᠥᠨ᠎ᠡ ᠶᠢᠨ ᠬᠢᠨᠠᠨ ᠰᠢᠯᠭᠠᠯᠳᠠ ᠶᠢᠨ ᠲᠥᠷᠢᠮ ᠢ ᠴᠢᠩᠭ᠎ᠠ ᠭᠡᠷᠡᠭᠵᠢᠭᠦᠯᠵᠤ᠂ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠢᠯ ᠥᠢᠯᠡᠰ ᠤᠨ ᠨᠢᠭᠡᠴᠡ ᠶᠢᠨ ᠵᠠᠷᠤᠯᠭ᠎ᠠ ᠠᠷᠪᠢᠯᠠᠬᠤ ᠲᠠᠯᠳᠠ ᠭᠥᠴᠥᠨ ᠢ ᠶᠡᠭᠡᠪᠡᠷ ᠠᠭᠤᠳᠠᠯᠠᠨ᠎ᠠ︔ ᠵᠠᠰᠠᠭ ᠵᠠᠬᠢᠷᠭᠠᠨ ᠤ ᠥᠪᠡᠷ ᠤᠨ ᠥᠷᠳᠡᠭ ᠤᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠬᠠᠩᠭᠠᠯᠠᠭ᠎ᠠ  ᠶᠢᠨ ᠬᠡᠪᠴᠢᠶ᠎ᠡ ᠶᠢ ᠤᠯᠠᠮ ᠲᠥᠷᠢᠮᠵᠢᠭᠦᠯᠵᠥ᠂ ︽ᠭᠤᠷᠪᠠᠨ ᠠᠯᠪᠠᠨ ᠤ ᠵᠠᠷᠤᠳᠠᠯ︾ ᠪᠠ ᠵᠠᠰᠠᠭ ᠵᠠᠬᠢᠷᠭᠠᠨ ᠤ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠎ᠠ᠃ ᠡᠯ᠎ᠡ ᠲᠥᠷᠥᠯ ᠤᠨ ᠥᠯᠡᠳᠡᠪᠥᠷᠢ᠂ ᠳ᠋ᠥᠩᠨᠡᠨ ᠰᠢᠯᠵᠢᠭᠦᠯᠥᠭᠰᠡᠨ ᠪᠡᠯᠡ ᠮᠥᠩᠭᠦ ᠶᠢ ᠴᠠᠭ ᠲᠤᠬᠠᠢ ᠳᠤ ᠨᠢ ᠶᠡᠷᠥᠩᠭᠡᠢ ᠲᠥᠰᠥᠪ ᠲᠤ ᠪᠤᠴᠠᠭᠠᠵᠤ᠂ ᠡᠯ᠎ᠡ ᠭᠥᠷᠢᠶ᠎ᠡ ᠬᠡᠪᠴᠢᠶᠡᠨ ᠳᠤ ᠬᠢ ᠰᠤᠯᠠ ᠤᠷᠬᠢᠭᠳᠠᠭᠰᠠᠨ ᠪᠡᠯᠡ ᠮᠥᠩᠭᠦ ᠶᠢ ᠠᠮᠢᠳᠤᠯᠢᠭᠵᠢᠭᠤᠯᠬᠤ ᠪᠠᠷ ᠲᠠᠮᠵᠢᠭᠤᠯᠤᠨ᠂ ᠪᠡᠯᠡ ᠮᠥᠩᠭᠦ ᠶᠢ ᠪᠤᠳᠠᠷᠠᠭᠤᠯᠬᠤ ᠠᠴᠠ ᠵᠠᠶᠢᠯᠠᠰᠬᠢᠨ ᠲᠥᠪᠯᠡᠷᠡᠭᠦᠯᠥᠨ ᠠᠰᠢᠭᠯᠠᠵᠤ᠂ ᠭᠥᠭᠵᠢᠯᠳᠡ ᠶᠢᠨ ᠪᠠᠴᠢᠮ ᠭᠡᠷᠡᠭᠴᠡᠭᠡᠨ ᠤ ᠭᠤᠤᠯᠳᠠᠯᠭᠠᠳᠤ ᠭᠥᠷᠢᠶ᠎ᠡ ᠬᠡᠪᠴᠢᠶ᠎ᠡ ᠬᠢᠭᠡᠳ ᠰᠤᠷᠭᠠᠨ ᠭᠥᠮᠥᠵᠢᠯ᠂ ᠰᠤᠶᠤᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠳᠤᠯᠠᠭ᠎ᠠ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠲᠤᠭᠳᠠᠭᠠᠭᠰᠠᠨ ᠠᠷᠠᠳ ᠢ ᠬᠠᠷᠠᠭᠠᠯᠵᠠᠬᠤ ᠪᠤᠳᠠᠳᠤ ᠤᠴᠢᠷ ᠪᠤᠯᠤᠨ ᠠᠷᠠᠳ ᠤᠨ ᠠᠮᠢᠳᠤᠷᠠᠯ ᠤᠨ ᠬᠥᠷᠢᠶ᠎ᠡ ᠬᠡᠪᠴᠢᠶᠠᠨ ᠳᠤ ᠬᠢ ᠲᠤᠰᠬᠠᠢ ᠲᠥᠷᠥᠯ ᠤᠨ ᠪᠡᠯᠡ ᠤᠯᠭᠤᠯᠳᠠ ᠵᠡᠷᠭᠡ ᠵᠠᠷᠤᠯᠭ᠎ᠠ ᠳᠤ ᠨᠢᠭᠡᠳᠥᠯᠳᠡᠢ ᠵᠠᠷᠤᠴᠠᠭᠤᠯᠤᠨ᠎ᠠ᠃       ︵ᠲᠥᠷᠪᠡ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠡᠳ᠋ ᠤᠨ ᠵᠠᠰᠠᠭ ᠤᠨ ᠲᠤᠭᠳᠠᠴᠠ ᠶᠢ ᠲᠡᠭᠦᠯᠳᠡᠷᠵᠢᠭᠦᠯᠥᠨ᠎ᠡ᠃ ᠨᠢᠭᠡ ᠳᠤ᠂ ᠲᠥᠰᠥᠪ ᠤᠨ ᠰᠢᠰᠲ᠋ᠧᠮ ᠢ ᠲᠡᠭᠦᠯᠳᠡᠷᠵᠢᠭᠦᠯᠥᠨ᠎ᠡ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ ᠬᠢᠭᠡᠳ ᠡᠩ ᠤᠨ ᠨᠡᠶᠢᠳᠡ ᠶᠢᠨ ᠲᠥᠰᠥᠪ ᠢ ᠨᠢᠭᠡᠳᠥᠯᠳᠡᠢ ᠲᠥᠯᠥᠪᠵᠢᠭᠦᠯᠭᠦ ᠪᠠᠨ ᠴᠢᠩᠭᠠᠳᠬᠠᠵᠤ᠂ ᠪᠠᠶᠢᠷᠢ ᠲᠤᠭᠳᠠᠭᠠᠯᠳᠠ ᠲᠤᠳᠤᠷᠬᠠᠢ᠂ ᠠᠵᠢᠯ ᠤᠨ ᠬᠤᠪᠢᠶᠠᠷᠢ ᠲᠤᠳᠤ ᠵᠠᠰᠠᠭ ᠤᠨ ᠤᠷᠳᠤᠨ ᠤ ᠲᠥᠰᠥᠪ ᠤᠨ ᠰᠢᠰᠲ᠋ᠧᠮ ᠢ ᠪᠠᠶᠢᠭᠤᠯᠵᠤ᠂ ᠵᠠᠰᠠᠭ ᠤᠨ ᠤᠷᠳᠤᠨ ᠤ ᠤᠷᠤᠯᠭ᠎ᠠ ᠪᠤᠯᠤᠨ ᠵᠠᠷᠤᠯᠭ᠎ᠠ ᠶᠢ ᠪᠥᠭᠦᠨ ᠢ ᠲᠥᠰᠥᠪ ᠤᠨ ᠬᠠᠮᠢᠶᠠᠷᠤᠯᠳᠠ ᠳᠤ ᠤᠷᠤᠭᠤᠯᠤᠨ᠂ ᠲᠥᠰᠥᠪ ᠢ ᠨᠢᠭᠡᠳᠥᠯᠳᠡᠢ ᠲᠤᠭᠳᠠᠭᠠᠵᠤ᠂ ᠤᠷᠤᠯᠭ᠎ᠠ ᠶᠢ ᠪᠠᠳᠤᠳᠠᠢ ᠬᠠᠮᠢᠶᠠᠷᠴᠤ᠂ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠨᠢᠭᠡᠳᠥᠯᠳᠡᠢ ᠵᠤᠬᠢᠴᠠᠩᠭᠤᠢ ᠬᠠᠷᠢᠯᠴᠠᠨ ᠨᠥᠭᠦᠪᠥᠷᠢᠯᠡᠭᠰᠡᠨ ᠪᠥᠷᠢᠨ ᠪᠥᠳᠥᠨ ᠲᠥᠰᠥᠪ ᠤᠨ ᠰᠢᠰᠲ᠋ᠧᠮ ᠢ ᠪᠥᠷᠢᠳᠥᠭᠦᠯᠥᠨ᠎ᠡ᠃ ᠬᠤᠶᠠᠷ ᠲᠤ᠂ PPP ᠵᠠᠭᠪᠤᠷ ᠢ ᠶᠡᠬᠡᠪᠡᠷ ᠲᠥᠭᠡᠮᠡᠯᠵᠢᠭᠦᠯᠥᠨ᠂ ᠨᠡᠶᠢᠭᠡᠮ ᠤᠨ ᠭᠥᠷᠥᠩᠭᠡ ᠶᠢ ᠵᠢᠯᠤᠭᠤᠳᠤᠨ ᠵᠠᠰᠠᠭ ᠤᠨ ᠤᠷᠳᠤᠨ ᠤ ᠲᠥᠷᠥᠯ ᠵᠥᠢᠯ ᠳᠤ ᠢᠳᠡᠪᠬᠢᠳᠡᠢ ᠤᠷᠤᠯᠴᠠᠭᠤᠯᠵᠤ᠂ ᠵᠠᠬ᠎ᠠ ᠲᠡᠯᠭᠡᠭᠦᠷᠴᠢᠯᠡᠭᠰᠡᠨ ᠤᠷᠤᠭᠤᠯᠤᠯᠳᠠ ᠭᠠᠷᠤᠯᠳᠠ ᠶᠢᠨ ᠤᠬᠢ ᠡᠷᠬᠢᠯᠳᠡ ᠶᠢ ᠪᠥᠷᠢᠯᠳᠥᠭᠦᠯᠥᠨ᠎ᠡ᠃ ᠥᠪᠡᠷᠳᠡᠭᠡᠨ ᠵᠠᠰᠠᠬᠤ ᠤᠷᠤᠨ ᠪᠤᠯᠤᠨ ᠬᠤᠳᠠ ᠶᠢᠨ ᠲᠡᠰ ᠤᠨ ᠤᠳᠤ ᠪᠠᠶᠢᠭ᠎ᠠPPP  ᠲᠠᠭᠤᠷᠢᠶᠠᠯ ᠲᠥᠷᠥᠯ ᠵᠥᠢᠯ ᠢ ᠴᠢᠷᠮᠠᠶᠢᠨ ᠬᠡᠷᠡᠭᠵᠢᠭᠦᠯᠥᠭᠰᠡᠨ ᠰᠠᠭᠤᠷᠢᠨ ᠲᠡᠭᠡᠷ᠎ᠡ ᠮᠠᠨ ᠤ ᠬᠤᠰᠢᠭᠤᠨ ᠤ ᠭᠤᠤᠯᠳᠠᠯᠭᠠᠳᠤ ᠲᠥᠷᠥᠯ ᠵᠥᠢᠯ  ᠢ ᠢᠳᠡᠪᠬᠢᠳᠡᠢ ᠵᠢᠯᠤᠭᠤᠳᠤᠨ PPP ᠵᠠᠭᠪᠤᠷ ᠶᠤᠰᠤᠭᠠᠷ ᠭᠡᠷᠡᠭᠵᠢᠭᠦᠯᠥᠨ᠂ ᠠᠷᠠᠯᠵᠢᠶᠠᠴᠢᠨ ᠤᠷᠢᠵᠤ ᠪᠡᠯᠡ ᠲᠠᠳᠠᠬᠤ᠂ ᠲᠥᠷᠥ ᠶᠢᠨ ᠪᠤᠳᠤᠯᠭ᠎ᠠ ᠪᠠᠷ ᠲᠡᠳᠭᠦᠭᠦ ᠵᠡᠷᠭᠡ ᠠᠷᠭ᠎ᠠ ᠠᠪᠴᠠᠯ ᠢᠶᠠᠷ ᠲᠠᠮᠵᠢᠭᠤᠯᠤᠨ᠂ PPP ᠲᠥᠷᠥᠯ ᠵᠥᠢᠯ ᠤᠨ ᠤᠷᠤᠨᠵᠢᠯᠳᠠ ᠶᠢ ᠲᠥᠷᠭᠡᠳᠭᠡᠨ᠎ᠡ᠃ ᠭᠤᠷᠪᠠ ᠳᠤ᠂ ᠠᠵᠤ ᠠᠬᠤᠶᠢᠯᠠᠯ ᠢ ᠨᠢᠭᠡᠳᠭᠡᠨ ᠲᠠᠬᠢᠨ ᠪᠠᠶᠢᠭᠤᠯᠬᠤ᠂ ᠭᠥᠷᠥᠩᠭᠡ ᠮᠥᠩᠭᠦ ᠤᠷᠤᠭᠤᠯᠬᠤ᠂ ᠲᠤᠭᠳᠠᠪᠤᠷᠢᠳᠠᠢ ᠠᠰᠢᠭ ᠤᠷᠤᠯᠭ᠎ᠠ ᠲᠠᠢ ᠤᠯᠤᠰ ᠤᠨ ᠥᠮᠴᠢᠯᠡᠯᠳᠤ ᠭᠥᠷᠥᠩᠭᠡ ᠬᠤᠭᠰᠢᠯ ᠢ ᠨᠡᠮᠡᠭᠳᠡᠭᠦᠯᠭᠦ᠂ ᠲᠠᠪᠴᠠᠩᠳᠤ ᠺᠤᠮᠫᠠᠨᠢ ᠶᠢᠨ ᠤᠤᠯ ᠤᠨ ᠴᠢᠨᠠᠷᠯᠢᠭ ᠬᠤᠪᠢ ᠰᠲ᠋ᠤᠺ ᠪᠤᠯᠤᠨ ᠭᠥᠷᠥᠩᠭᠡ ᠬᠤᠭᠰᠢᠯ ᠢ ᠠᠮᠢᠳᠤᠯᠢᠭᠵᠢᠭᠤᠯᠵᠤ ᠲᠥᠷᠢᠮᠵᠢᠭᠦᠯᠭᠦ ᠵᠡᠷᠭᠡ ᠵᠠᠮ ᠮᠥᠷ ᠢᠶᠠᠷ ᠲᠠᠮᠵᠢᠭᠤᠯᠤᠨ᠂ ᠠᠰᠢᠭ ᠤᠷᠤᠯᠭ᠎ᠠ ᠡᠭᠦᠳᠭᠦ ᠴᠢᠳᠠᠪᠤᠷᠢ ᠶᠢ ᠨᠢ ᠨᠡᠮᠡᠭᠳᠡᠭᠦᠯᠥᠨ᠂ ᠪᠡᠯᠡ ᠬᠤᠷᠠᠮᠳᠤᠭᠤᠯᠬᠤ ᠺᠤᠮᠫᠠᠨᠢ ᠪᠤᠯᠤᠨ ᠵᠠᠰᠠᠭ ᠤᠨ ᠤᠷᠳᠤᠨ ᠤ ᠪᠡᠯᠡ ᠬᠤᠷᠠᠮᠳᠤᠭᠤᠯᠬᠤ ᠴᠢᠳᠠᠪᠬᠢ ᠶᠢᠨ ᠰᠠᠯᠭᠠᠯᠳᠠ ᠶᠢ ᠲᠥᠷᠭᠡᠳᠭᠡᠵᠥ᠂ ᠵᠠᠬ᠎ᠠ ᠲᠡᠯᠭᠡᠭᠦᠷᠴᠢᠯᠡᠭᠰᠡᠨ᠂ ᠪᠤᠳᠠᠳᠤ ᠴᠤᠭᠴᠠᠵᠢᠭᠰᠠᠨ ᠡᠵᠡᠩᠨᠡᠯᠳᠡ ᠲᠡᠰᠢ ᠬᠤᠪᠢᠷᠠᠭᠤᠯᠤᠨ᠎ᠠ᠃ ᠲᠥᠷᠪᠡ ᠳᠤ᠂ ︽ᠤᠳᠤᠭ ᠤᠨ ᠡᠮᠥᠨᠡᠳᠥ ᠬᠤᠰᠢᠭᠤᠨ ᠤ ᠵᠠᠰᠠᠭ ᠤᠨ ᠤᠷᠳᠤᠨ ᠨᠡᠶᠢᠭᠡᠮ ᠠᠴᠠ ᠥᠢᠯᠡᠴᠢᠯᠡᠭᠡ ᠬᠤᠳᠠᠯᠳᠤᠨ ᠠᠪᠬᠤ ᠭᠡᠷᠡᠭᠵᠢᠭᠦᠯᠭᠦ ᠲᠥᠰᠥᠯ︾ ᠶᠤᠰᠤᠭᠠᠷ ᠢᠳᠡᠪᠬᠢᠳᠡᠢ ᠪᠠᠷ ᠨᠡᠶᠢᠭᠡᠮ ᠨᠡᠶᠢᠳᠡ ᠠᠴᠠ ᠠᠳᠠᠯ ᠠᠬᠤᠢ᠂ ᠬᠤᠳᠠ ᠶᠢᠨ ᠨᠡᠶᠢᠳᠡ ᠶᠢᠨ ᠮᠠᠰᠢᠨ᠂ ᠪᠤᠬᠢᠷ ᠤᠰᠤ ᠰᠢᠢᠳᠪᠥᠷᠢᠯᠡᠭᠦ ᠵᠡᠷᠭᠡ ᠥᠯᠡᠴᠢᠯᠡᠭᠡ ᠬᠤᠳᠠᠯᠳᠤᠨ ᠠᠪᠴᠤ᠂ ᠡᠳ᠋ ᠤᠨ ᠵᠠᠰᠠᠭ ᠤᠨ ᠵᠠᠷᠤᠯᠭ᠎ᠠ ᠶᠢᠨ ᠲᠠᠷᠤᠭᠠᠰᠤ ᠶᠢ ᠭᠥᠩᠭᠡᠷᠡᠭᠦᠯᠭᠦ ᠶᠢᠨ ᠬᠠᠮᠳᠤ ᠠᠵᠤ ᠠᠬᠤᠢ ᠨᠡᠶᠢᠭᠡᠮ ᠤᠨ ᠠᠮᠢᠳᠤᠯᠢᠭ ᠭᠥᠴᠥᠨ ᠢ ᠭᠥᠭᠵᠢᠭᠡᠨ᠂ ᠨᠡᠶᠢᠳᠡ ᠶᠢᠨ ᠥᠢᠯᠡᠴᠢᠯᠡᠭᠡᠨ ᠤ ᠬᠠᠩᠭᠠᠯᠠᠭ᠎ᠠ ᠶᠢ ᠴᠢᠩᠭᠠᠳᠬᠠᠵᠤ᠂ ᠨᠡᠶᠢᠳᠡ ᠶᠢᠨ ᠥᠢᠯᠡᠴᠢᠯᠡᠭᠡᠨ ᠤ ᠬᠢᠷᠢ ᠲᠥᠪᠰᠢᠨ ᠪᠤᠯᠤᠨ ᠥᠷ᠎ᠡ ᠠᠰᠢᠭ ᠢ ᠲᠡᠭᠡᠭᠰᠢᠯᠡᠭᠦᠯᠥᠨ᠎ᠡ᠃ ᠲᠠᠪᠤ ᠳᠤ᠂ ᠮᠠᠯ ᠲᠠᠷᠢᠶᠠᠯᠠᠩ ᠤᠨ ᠤᠨᠴᠠᠯᠢᠭᠳᠤ ᠠᠵᠤ ᠥᠢᠯᠡᠰ ᠤᠨ ᠭᠥᠭᠵᠢᠯᠳᠡ ᠶᠢᠨ ᠰᠠᠭᠤᠷᠢ ᠮᠥᠩᠭᠦ ᠪᠠᠶᠢᠭᠤᠯᠤᠨ᠂ ᠭᠥᠥ ᠮᠥᠩᠭᠦ ᠥᠭᠡᠢ ᠵᠢᠭᠡᠯᠡᠯᠭᠡ᠂ ᠠᠵᠤ ᠠᠬᠤᠶᠢᠯᠠᠯ ᠤᠨ ᠪᠠᠳᠤᠯᠠᠨ ᠲᠠᠭᠠᠭᠠᠯᠳᠠ ᠶᠢ ᠥᠷᠭᠡᠳᠭᠡᠭᠦ ᠵᠡᠷᠭᠡ ᠭᠡᠯᠪᠡᠷᠢ ᠪᠠᠷ ᠮᠥᠩᠭᠦᠨ ᠭᠥᠢᠯᠭᠡᠭᠡᠨ ᠤ ᠪᠠᠶᠢᠭᠤᠯᠤᠮᠵᠢ ᠶᠢ ᠵᠤᠷᠢᠭᠵᠢᠭᠤᠯᠤᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠳᠤ ᠮᠥᠩᠭᠦᠨ ᠭᠥᠢᠯᠭᠡᠭᠡᠨ ᠤ ᠲᠡᠮᠵᠢᠯᠭᠡ ᠤᠯᠭᠤᠨ᠎ᠠ᠃ ᠵᠢᠷᠭᠤᠭ᠎ᠠ ᠳᠤ᠂ ᠪᠠᠳᠤᠯᠠᠨ ᠲᠠᠭᠠᠭᠠᠯᠳᠠ ᠶᠢᠨ ᠺᠤᠮᠫᠠᠨᠢ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠬᠤᠰᠢᠭᠤᠨ ᠤ ᠲᠤᠯᠤᠭᠠᠶᠢᠯᠠᠭᠴᠢ ᠠᠵᠤ ᠠᠬᠤᠶᠢᠯᠠᠯ᠂ ᠬᠠᠮᠳᠤᠷᠠᠯ ᠵᠤᠬᠢᠶᠠᠨ ᠪᠠᠶᠢᠭᠤᠯᠤᠯᠳᠠ᠂ ᠮᠠᠯ ᠲᠠᠷᠢᠶᠠᠯᠠᠩ ᠤᠨ ᠲᠠᠭᠤᠷᠢᠶᠠᠯ ᠡᠷᠥᠭᠡ᠂ ᠮᠠᠯᠴᠢᠨ ᠲᠠᠷᠢᠶᠠᠴᠢᠳ ᠤᠨ ᠥᠢᠯᠡᠳᠪᠥᠷᠢᠯᠡᠯ ᠢᠶᠠᠨ ᠭᠥᠭᠵᠢᠭᠦᠯᠭᠦ ᠵᠢᠭᠡᠯᠡᠯᠭᠡ ᠳᠤ ᠪᠥᠭᠦ ᠲᠠᠯ᠎ᠠ ᠶᠢᠨ ᠪᠠᠳᠤᠯᠠᠨ ᠲᠠᠭᠠᠭᠠᠯᠳᠠ ᠬᠢᠭᠦ ᠪᠠᠷ ᠴᠢᠷᠮᠠᠶᠢᠨ᠎ᠠ᠃ ᠨᠠᠩ ᠤᠯᠠᠨ ᠪᠠᠩᠬᠢ ᠶᠢ ᠤᠷᠤᠭᠤᠯᠵᠤ᠂ ᠮᠥᠩᠭᠦᠨ ᠭᠥᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠳᠤᠷᠠᠯᠴᠠᠭ᠎ᠠ ᠪᠠᠨ ᠥᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠮᠥᠩᠭᠦᠨ ᠭᠥᠢᠯᠭᠡᠭᠡᠨ ᠤ ᠥᠢᠯᠡᠴᠢᠯᠡᠭᠡᠨ ᠤ ᠭᠥᠷᠢᠶ᠎ᠡ ᠬᠡᠪᠴᠢᠶ᠎ᠡ ᠶᠢ ᠥᠷᠭᠡᠳᠭᠡᠵᠥ᠂ ᠮᠥᠩᠭᠦᠨ ᠭᠥᠢᠯᠭᠡᠭᠡᠨ ᠤ ᠠᠵᠢᠯ ᠲᠥᠷᠥᠯ ᠤᠨ ᠮᠠᠯᠵᠢᠬᠤ ᠲᠠᠷᠢᠶᠠᠯᠠᠬᠤ ᠤᠷᠤᠨ ᠤ ᠠᠵᠢᠯ ᠥᠢᠯᠡᠰ ᠤᠨ ᠭᠥᠭᠵᠢᠯᠳᠡ ᠪᠤᠯᠤᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠢ ᠲᠡᠮᠵᠢᠭᠦ ᠬᠡᠪᠴᠢᠶ᠎ᠡ ᠶᠢ ᠥᠷᠭᠡᠳᠭᠡᠨ᠎ᠡ᠃       ︵ᠲᠠᠪᠤ︶ ᠡᠳ᠋ ᠤᠨ ᠵᠠᠰᠠᠭ ᠤᠨ ᠬᠢᠨᠠᠯᠳᠠ ᠪᠠᠨ ᠴᠢᠩᠭᠠᠳᠬᠠᠨ᠂ ᠤᠷᠤᠯᠭ᠎ᠠ ᠵᠠᠷᠤᠯᠭ᠎ᠠ ᠶᠢᠨ ᠲᠥᠷᠢᠮᠵᠢᠯ ᠢ ᠪᠠᠳᠤᠯᠠᠨ᠎ᠠ᠃ ᠨᠢᠭᠡ ᠳᠤ᠂ ᠥᠷᠢ ᠥᠭᠴᠡᠭᠡᠨ  ᠤ ᠲᠤᠭ᠎ᠠ ᠭᠡᠮᠵᠢᠶᠡᠨ ᠤ ᠬᠢᠵᠠᠭᠠᠷᠯᠠᠯ ᠤᠨ ᠬᠠᠮᠢᠶᠠᠷᠤᠯᠳᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠨᠡᠮᠡᠭᠳᠡᠭᠦ ᠥᠷᠢ ᠥᠭᠴᠡᠭᠡ ᠶᠢᠨ ᠬᠢᠨᠠᠨ ᠵᠥᠪᠰᠢᠶᠡᠷᠡᠯ ᠢ ᠴᠢᠩᠭᠠᠳᠬᠠᠵᠤ᠂ ᠥᠷᠢ ᠥᠭᠴᠡᠭᠡᠨ ᠤ ᠨᠡᠮᠡᠭᠳᠡᠯ ᠢ ᠡᠷᠡᠰ ᠬᠢᠵᠠᠭᠠᠷᠯᠠᠨ᠎ᠠ᠃ ᠤᠯᠠᠨ ᠵᠠᠮ ᠮᠥᠷ ᠤᠯᠠᠨ ᠠᠷᠭ᠎ᠠ ᠬᠡᠯᠪᠡᠷᠢ ᠪᠠᠷ ᠥᠷᠢ ᠥᠭᠴᠡᠭᠡ ᠰᠢᠢᠳᠪᠥᠷᠢᠯᠡᠭᠦ ᠪᠡᠯᠡ ᠮᠥᠩᠭᠦ ᠬᠤᠷᠠᠮᠳᠤᠭᠤᠯᠵᠤ᠂ ᠬᠠᠳᠠᠭᠠᠯᠠᠯᠳᠠ ᠭᠥᠷᠥᠩᠭᠡ ᠬᠤᠭᠰᠢᠯ᠂ ᠡᠳ᠋ ᠤᠨ ᠵᠠᠰᠠᠭ ᠤᠨ ᠲᠥᠰᠥᠪ ᠤᠨ ᠲᠤᠬᠢᠷᠠᠭᠤᠯᠭ᠎ᠠ᠂ ᠤᠷᠤᠨ ᠨᠤᠳᠤᠭ  ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭ ᠢ ᠢᠳᠡᠪᠬᠢᠳᠡᠢ ᠤᠯᠬᠤ᠂ ᠬᠠᠳᠠᠭᠠᠯᠠᠯᠳᠠ ᠥᠷᠢ ᠥᠭᠴᠡᠭᠡ ᠶᠢ PPP ᠪᠤᠯᠭᠠᠨ ᠬᠤᠪᠢᠷᠠᠭᠤᠯᠬᠤ ᠵᠡᠷᠭᠡ ᠠᠷᠭ᠎ᠠ ᠠᠪᠴᠠᠯ ᠢᠶᠠᠷ ᠲᠡᠮᠵᠢᠭᠤᠯᠤᠨ᠂ ᠵᠠᠰᠠᠭ ᠤᠨ ᠤᠷᠳᠤᠨ ᠤ ᠴᠢᠨᠠᠷᠳᠠᠢ ᠥᠷᠢ ᠥᠭᠴᠡᠭᠡ ᠶᠢ ᠪᠥᠳᠥᠮᠵᠢᠳᠡᠢ ᠰᠢᠢᠳᠪᠥᠷᠢᠯᠡᠨ᠎ᠡ᠃ ᠵᠠᠰᠠᠭ ᠤᠨ ᠤᠷᠳᠤᠨ ᠤ ᠡᠳ᠋  ᠤᠨ ᠵᠠᠰᠠᠭ ᠮᠥᠩᠭᠦᠨ ᠭᠥᠢᠯᠭᠡᠭᠡᠨ ᠤ ᠲᠥᠭᠰᠢᠭᠦᠷᠢ ᠶᠢ ᠰᠡᠷᠭᠡᠶᠢᠯᠡᠭᠦ  ᠰᠠᠭᠤᠷᠢ ᠮᠥᠩᠭᠦ ᠪᠠᠶᠢᠭᠤᠯᠤᠨ᠂ ᠮᠥᠩᠭᠦᠨ ᠭᠥᠢᠯᠭᠡᠭᠡᠨ ᠤ ᠪᠠᠶᠢᠭᠤᠯᠤᠮᠵᠢ ᠲᠠᠢ ᠬᠠᠮᠳᠤᠷᠠᠯᠴᠠᠨ ᠪᠡᠯᠡ ᠮᠥᠩᠭᠦᠨ ᠤ ᠭᠥᠮᠥᠷᠭᠡᠯᠡᠯ ᠢ ᠥᠷᠭᠡᠳᠭᠡᠨ᠂ ᠬᠤᠭᠤᠴᠠᠭ᠎ᠠ ᠲᠤᠯᠤᠭᠰᠠᠨ‌ᠢᠯᠭᠠᠷᠠᠭᠤᠯᠵᠤ ᠲᠡᠶᠢᠯᠭᠦ ᠥᠭᠡᠢ ᠥᠷᠢ ᠥᠭᠴᠡᠭᠡ ᠶᠢ ᠪᠠᠴᠢᠮ ᠠᠷᠭᠠᠴᠠᠨ ᠰᠢᠢᠳᠪᠥᠷᠢᠯᠡᠭᠦ ᠪᠠ ᠬᠡᠨᠡᠳᠳᠡ ᠶᠢᠨ ᠭᠡᠷᠡᠭ ᠢ ᠠᠷᠠᠭᠠᠴᠠᠬᠤ ᠳᠤ ᠭᠤᠤᠯᠳᠠᠯᠭ᠎ᠠ ᠲᠠᠢ ᠵᠠᠷᠤᠴᠠᠭᠤᠯᠤᠨ᠂ ᠡᠳ᠋ ᠤᠨ ᠵᠠᠰᠠᠭ ᠮᠥᠩᠭᠦᠨ ᠭᠥᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ᠎ᠡ᠃ ᠬᠤᠶᠠᠷ ᠲᠤ᠂ ᠡᠳ᠋ ᠤᠨ ᠵᠠᠰᠠᠭ ᠤᠨ ᠲᠥᠰᠥᠪ ᠪᠤᠯᠤᠨ ᠲᠥᠰᠥᠪ ᠤᠨ ᠭᠥᠢᠴᠡᠳᠭᠡᠯ᠂ ᠰᠠᠯᠠᠭ᠎ᠠ ᠮᠥᠴᠢᠷ ᠤᠨ ᠲᠥᠰᠥᠪ ᠪᠤᠯᠤᠨ ᠲᠥᠰᠥᠪ ᠤᠨ ᠭᠥᠢᠴᠡᠳᠭᠡᠯ᠂ ︽ᠭᠤᠷᠪᠠᠨ ᠠᠯᠪᠠᠨ ᠤ ᠵᠠᠷᠤᠳᠠᠯ︾ ᠤᠨ ᠲᠥᠰᠥᠪ ᠪᠤᠯᠤᠨ ᠲᠥᠰᠥᠪ ᠤᠨ ᠭᠥᠢᠴᠡᠳᠭᠡᠯ ᠢ ᠴᠠᠭ ᠲᠠᠷᠤᠢ ᠳᠤ ᠨᠢ ᠨᠡᠶᠢᠭᠡᠮ ᠳᠤ ᠢᠯᠡᠰᠢᠭᠦᠯᠵᠥ᠂ ᠠᠷᠠᠳ ᠲᠥᠮᠡᠨ ᠤ ᠬᠢᠨᠠᠯᠳᠠ ᠶᠢ ᠤᠬᠠᠮᠰᠠᠷ ᠠᠴᠠ ᠪᠠᠨ ᠭᠥᠯᠢᠶᠡᠨ᠂ ᠨᠡᠶᠢᠳᠡ ᠶᠢᠨ ᠡᠳ᠋ ᠤᠨ ᠵᠠᠰᠠᠭ ᠢ ᠥᠨᠡᠨ ᠭᠦ ᠢᠯᠡ ᠪᠤᠯᠭᠠᠨ᠎ᠠ᠃ ᠭᠤᠷᠪᠠ ᠳᠤ᠂ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ ᠰᠠᠭᠤᠷᠢ ᠪᠠᠶᠢᠭᠤᠯᠤᠯᠳᠠ ᠶᠢᠨ ᠲᠥᠷᠥᠯ ᠵᠥᠢᠯ ᠤᠨ ᠪᠡᠯᠡ ᠮᠥᠩᠭᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠡᠳ᠋  ᠤᠨ ᠵᠠᠰᠠᠭ ᠤᠨ ᠪᠡᠯᠡ ᠶᠢᠨ ᠡᠷᠬᠢᠯᠳᠡ ᠶᠢᠨ ᠪᠥᠭᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢᠨ ᠲᠤᠭᠳᠡᠴᠠ ᠶᠢ ᠴᠢᠷᠮᠠᠶᠢᠨ ᠪᠥᠷᠢᠯᠳᠥᠭᠦᠯᠵᠥ᠂ ᠠᠵᠤ ᠠᠬᠤᠢ ᠶᠢᠨ ᠪᠠᠶᠢᠳᠠᠯ ᠪᠤᠯᠤᠨ ᠡᠳ᠋ ᠤᠨ ᠵᠠᠰᠠᠭ ᠤᠨ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠳᠡ ᠶᠢᠨ ᠬᠠᠨᠳᠤᠰᠢ ᠶᠢ ᠢᠮᠠᠭᠳᠠ ᠠᠩᠬᠠᠷᠤᠨ᠂ ᠨᠡᠶᠢᠭᠡᠮ ᠤᠨ ᠡᠯ᠎ᠡ ᠡᠳᠡᠭᠡᠳ ᠤᠨ  ᠬᠢᠨ ᠤ ᠥᠷᠭᠡᠨ ᠲᠡᠯᠭᠡᠷᠡᠩᠭᠦᠢ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠭᠥᠯᠢᠶᠡᠵᠥ᠂ ᠥᠨᠡᠨ ᠭᠦ ᠬᠠᠤᠯᠢ ᠶᠤᠰᠤᠭᠠᠷ ᠵᠠᠰᠠᠭ ᠶᠠᠪᠤᠭᠤᠯᠤᠨ᠂ ᠬᠠᠤᠯᠢ ᠶᠤᠰᠤᠭᠠᠷ ᠡᠳ᠋ ᠤᠨ ᠵᠠᠰᠠᠭ ᠢᠶᠠᠨ ᠬᠠᠮᠢᠶᠠᠷᠤᠨ᠎ᠠ᠃       ᠲᠥᠯᠥᠭᠡᠯᠡᠭᠴᠢᠳ ᠡ᠂ 2017 ᠤᠨ ᠤ ᠡᠳ᠋ ᠤᠨ ᠵᠠᠰᠠᠭ ᠤᠨ ᠠᠵᠢᠯ ᠢᠶᠠᠨ ᠰᠠᠶᠢᠳᠤᠷ ᠬᠢᠭᠦ ᠪᠤᠯ ᠴᠢᠬᠤᠯᠠ ᠶᠡᠭᠡ ᠠᠴᠢ ᠬᠤᠯᠪᠤᠭᠳᠠᠯ ᠲᠠᠢ ᠲᠠᠷᠬᠠᠨ ᠡᠭᠦᠷᠭᠡ ᠪᠤᠯᠬᠤ ᠶᠤᠮ᠃ ᠪᠢᠳᠠ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠭᠥᠴᠥᠳᠤ ᠤᠳᠤᠷᠢᠳᠤᠯᠭ᠎ᠠ ᠲᠤᠤᠷ᠎ᠠ᠂ ᠠᠷᠠᠳ ᠤᠨ ᠲᠥᠯᠥᠭᠡᠯᠡᠭᠴᠢᠳᠨ  ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠤᠬᠠᠮᠰᠠᠷ ᠠᠴᠠ ᠪᠠᠨ ᠬᠥᠯᠢᠶᠡᠵᠥ᠂ ᠢᠳᠡᠭᠡᠯ ᠢᠶᠠᠨ ᠭᠥᠪᠴᠢᠯᠡᠨ ᠭᠥᠴᠢᠷ ᠢ ᠢᠯᠠᠵᠥ ᠰᠢᠷᠭᠠᠭᠤ ᠠᠵᠢᠯᠯᠠᠨ᠂ ᠪᠥᠭᠦ ᠵᠢᠯ ᠤᠨ ᠲᠥᠰᠥᠪ ᠤᠨ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠥᠨ᠂ ᠪᠥᠭᠦ ᠬᠤᠰᠢᠭᠤᠨ ᠤ ᠠᠵᠤ ᠠᠬᠤᠢ ᠶᠢᠨ ᠭᠥᠭᠵᠢᠯᠳᠡ ᠪᠤᠯᠤᠨ ᠨᠡᠶᠢᠭᠡᠮ ᠤᠨ ᠥᠢᠯᠡᠰ ᠤᠨ ᠲᠠᠪᠰᠢᠯᠳᠠ ᠳᠤ ᠰᠢᠨ᠎ᠡ ᠬᠤᠪᠢ ᠨᠡᠮᠡᠷᠢ ᠥᠵᠡᠭᠦᠯᠰᠥᠭᠡᠢ︕ ᠲᠤᠳᠤᠷᠬᠠᠶᠢᠯᠠᠯ᠄ ᠮᠡᠳᠡᠭᠦᠯᠥᠯᠳᠡ ᠳᠤ ᠬᠢ ᠤᠷᠤᠯᠭ᠎ᠠ ᠵᠠᠷᠤᠯᠭ᠎ᠠ ᠶᠢᠨ ᠬᠠᠷᠢᠴᠠᠭᠤᠯᠤᠯ ᠢ ᠪᠥᠭᠦ ᠬᠤᠳᠠ ᠶᠢᠨ ᠨᠢᠭᠡᠳᠥᠯᠳᠡᠢ ᠪᠠᠷᠢᠮᠵᠢᠶ᠎ᠠ ᠪᠠᠷ ᠲᠤᠭᠠᠴᠠᠪᠠ᠃
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ