ᠬᠤᠰᠢᠭᠤ ᠶᠢᠰᠥᠳᠥᠭᠡᠷ  ᠬᠤᠭᠤᠴᠠᠭᠠᠨ  ᠤ ᠠᠷᠠᠤᠨ  ᠤᠨ ᠲᠦᠯᠤᠬᠡᠯᠡᠭᠴᠢᠤᠨ  ᠤᠨ ᠶᠡᠭᠡ ᠬᠤᠷᠠᠯ  ᠤᠨ ᠵᠢᠷᠭᠤᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2018/6/19
ᠤᠳᠤᠭ ᠤᠨ  ᠡᠮᠤᠨᠡᠳᠤ  ᠬᠤᠰᠢᠭᠤᠨ  ᠤ  2016 ᠤᠨ   ᠤ  ᠤᠯᠤᠰ  ᠠᠷᠠᠤᠨ   ᠤᠨ  ᠠᠵᠤ  ᠠᠬᠤᠢ  ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ   ᠶᠢ  ᠬᠡᠷᠡᠭᠵᠢᠬᠦᠯᠦᠭᠰᠡᠨ ᠪᠠᠶᠢᠳᠠᠯ  ᠬᠢᠬᠡᠤᠨ 2017 ᠤᠨ ᠤ ᠤᠯᠤᠰ  ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ  ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ— 2017 ᠤᠨ  2 ᠰᠠᠷ᠎ᠠ   ᠶᠢᠨ  8   ᠤ ᠡᠳᠤᠷ ᠤᠳᠤᠭ ᠤᠨ  ᠡᠮᠤᠨᠡᠳᠤ ᠬᠤᠰᠢᠭᠤᠨ  ᠤ  ᠶᠢᠰᠤᠳᠤᠬᠡᠷ  ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ  ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠬᠡᠷ᠎ᠠ        ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠᠲᠦᠯᠤᠬᠡᠯᠡᠭᠴᠢᠤᠨ ᠡ  ᠄ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ 2016 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2017 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠬᠤᠰᠢᠭᠤᠨ ᠤ ᠤᠯᠤᠰ ᠲᠦᠷᠤ  ᠶᠢᠨ ᠵᠦᠪᠯᠡᠯᠬᠡᠨ  ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃        ᠨᠢᠬᠡ᠂ 2016 ᠤᠨ  ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ        2016 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠦᠪ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ ᠪᠦᠬᠦ ᠬᠤᠰᠢᠭᠤ ᠪᠠᠷ ᠢᠶᠠᠨ ᠲᠦᠪ᠂ ᠦᠪᠡᠷᠳᠡᠭᠡᠨ ᠵᠠᠰᠠᠬᠤ ᠣᠷᠣᠨ᠂ ᠪᠦᠬᠦ ᠬᠤᠳᠠ ᠶᠢᠨ ᠡᠯ᠎ᠡ ᠲᠦᠷᠦᠯ ᠤᠨ ᠰᠢᠢᠳᠪᠥᠷᠢ ᠪᠠᠶᠢᠷᠢᠰᠢᠯᠠᠭᠤᠯᠤᠯᠳᠠ ᠶᠢ ᠭᠥᠨᠵᠡᠭᠡᠢ ᠨᠠᠶᠢᠳᠠᠪᠤᠷᠢᠵᠢᠭᠤᠯᠤᠨ᠂ ᠰᠡᠳᠬᠢᠯ ᠨᠢᠭᠡᠳᠥᠨ ᠬᠥᠴᠥᠨ ᠢᠶᠠᠨ ᠬᠠᠮᠳᠤᠳᠬᠠᠵᠤ᠂ ᠰᠢᠨ᠎ᠡ ᠶᠢ ᠡᠭᠦᠳᠥᠨ ᠥᠢᠯᠡᠰ ᠪᠤᠰᠬᠠᠵᠤ᠂ ᠬᠤᠰᠢᠭᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠢᠶᠠᠷ ᠲᠤᠭᠳᠠᠭᠠᠭᠰᠠᠨ ᠡᠯ᠎ᠡ ᠲᠥᠷᠥᠯ ᠤᠨ ᠬᠠᠷᠠᠯᠳᠠ ᠡᠭᠦᠷᠭᠡ ᠶᠢ ᠠᠮᠵᠢᠯᠳᠠ ᠲᠠᠢ ᠰᠠᠶᠢᠨ ᠪᠡᠶᠡᠯᠡᠭᠦᠯᠥᠭᠰᠡᠨ ᠪᠠᠶᠢᠨ᠎ᠠ᠃ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠢ 136.4 ᠳ᠋ᠦᠩᠰᠢᠭᠤᠷ ᠲᠦᠬᠦᠷᠢᠭ ᠪᠡᠶᠡᠯᠡᠬᠦᠯᠵᠤ᠂ 8.1% ᠨᠡᠮᠡᠭᠳᠡᠪᠠ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 267.3 ᠳ᠋ᠦᠩᠰᠢᠭᠤᠷ ᠲᠦᠬᠦᠷᠢᠭ ᠬᠦᠷᠴᠤ᠂ 15.1% ᠨᠡᠮᠡᠭᠳᠡᠪᠠ︔ ᠨᠠᠶᠢᠬᠡᠮ ᠤᠨ ᠬᠡᠷᠡᠭᠯᠡᠬᠡᠨ ᠤ ᠳᠠᠸᠠᠷ  ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ 22.8 ᠳ᠋ᠦᠩᠰᠢᠭᠤᠷ ᠲᠦᠬᠦᠷᠢᠭ ᠲᠤ ᠬᠦᠷᠤᠨ᠂ 11.7% ᠨᠡᠮᠡᠭᠳᠡᠪᠠ︔ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠳᠤᠰᠪᠤᠷᠢ 38318 ᠲᠦᠬᠦᠷᠢᠭ ᠪᠠ 15603 ᠲᠦᠬᠦᠷᠢᠭ ᠲᠤ ᠬᠦᠷᠴᠤ᠂ 7.8% ᠪᠠ 7.6% ᠨᠡᠮᠡᠭᠳᠡᠪᠠ᠃ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ 18.1 ᠳ᠋ᠥᠩᠰᠢᠭᠤᠷ ᠲᠥᠭᠦᠷᠢᠭ ᠲᠤ ᠭᠥᠷᠥᠨ᠂ 13.1% ᠨᠡᠮᠡᠭᠳᠡᠪᠠ᠃ ᠠᠵᠣ ᠠᠬᠤᠢ ᠶᠢᠨ ᠭᠤᠣᠯ ᠵᠢᠭᠠᠯᠲᠠ ᠶᠢᠨ ᠨᠡᠮᠡᠭᠳᠡᠯ ᠪᠦᠬᠦ ᠬᠤᠲᠠ ᠶᠢᠨ ᠲᠡᠷᠢᠬᠦᠨ ᠤ ᠡᠩᠨᠡᠬᠡᠨ ᠳᠤ ᠣᠷᠣᠵᠣ᠂ ︽ᠠᠷᠪᠠᠨ ᠭᠤᠷᠪᠠᠳᠣᠭᠠᠷ ᠲᠠᠪᠣᠨ ᠵᠢᠯ  ︾ ᠤᠨ ᠣᠬᠢ ᠰᠠᠶᠢᠨ ᠡᠬᠢᠯᠡᠯᠲᠡ ᠶᠢ ᠪᠣᠢ ᠪᠣᠯᠭᠠᠭᠰᠠᠨ ᠪᠠᠶᠢᠨ᠎ᠠ᠃         ︵ᠨᠢᠬᠡ︶ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠬᠤᠷᠳᠤᠴᠠ ᠶᠢ ᠲᠦᠷᠬᠡᠤᠨᠬᠡᠪᠠ᠃ ᠠᠵᠤ ᠠᠬᠤᠢ ᠶᠢᠨ ᠪᠦᠳᠤᠴᠠ ᠶᠢ ᠪᠦᠬᠦ ᠳᠠᠯ᠎ᠠ ᠪᠠᠷ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠳᠤᠬᠢᠷᠠᠭᠤᠯᠤᠯᠳᠠ ᠶᠢ ᠪᠠᠷᠢᠮᠳᠠᠯᠠᠨ᠂ ᠪᠦᠳᠤᠴᠠ ᠶᠢ ᠰᠢᠯᠢᠳᠡᠭᠵᠢᠬᠦᠯᠬᠦ ᠶᠢᠨ ᠬᠠᠮᠳᠤ ᠠᠵᠤ ᠤᠶᠢᠯᠡᠰ  ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠪᠠ᠃ ᠨᠢᠬᠡᠳᠤᠬᠡᠷ᠂ ᠬᠤᠶᠠᠳᠤᠭᠠᠷ᠂ ᠭᠤᠷᠪᠠᠳᠤᠭᠠᠷ ᠠᠵᠤ ᠤᠶᠢᠯᠡᠰ ᠤᠨ ᠨᠡᠮᠡᠭᠳᠡᠯ ᠦᠷᠳᠡᠭ ᠢ ᠳᠤᠰᠪᠤᠷᠢ 12.2 ᠳ᠋ᠦᠩᠰᠢᠭᠤᠷ ᠲᠦᠬᠦᠷᠢᠭ᠂ 81.99 ᠳ᠋ᠦᠩᠰᠢᠭᠤᠷ ᠲᠦᠬᠦᠷᠢᠭ ᠪᠤᠯᠤᠨ 42.2 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠳᠤᠰ ᠳᠤᠰ 3.4%᠂ 8.6% ᠪᠤᠯᠤᠨ 9% ᠨᠡᠮᠡᠭᠳᠡᠬᠦᠯᠪᠠ᠃ ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢ ᠯᠠᠪᠳᠠᠭᠤᠨ ᠠᠬᠢᠭᠤᠯᠪᠠ᠃ ᠮᠠᠯ ᠳᠠᠷᠢᠶᠠᠯᠠᠩ ᠤᠨ ᠠᠵᠤ ᠤᠶᠢᠯᠡᠰᠵᠢᠯᠳᠠ ᠶᠢ ᠯᠠᠪᠳᠠᠭᠤᠨ ᠠᠬᠢᠭᠤᠯᠵᠤ᠂ ᠤᠳᠤ ᠦᠶ᠎ᠡ ᠶᠢᠨ ᠬᠡᠪᠴᠢᠶᠡᠵᠢᠭᠰᠡᠨ ᠮᠠᠯ ᠳᠠᠷᠢᠶᠠᠯᠠᠩ ᠤᠨ ᠰᠠᠭᠤᠷᠢᠨ ᠭᠠᠵᠠᠷ ᠢ 24 ᠲᠦᠮᠡᠨ ᠮᠤ᠋ ᠪᠠᠶᠢᠭᠤᠯᠵᠤ᠂ ᠦᠨᠳᠤᠷ ᠤᠨᠠᠯᠳᠠᠳᠤ ᠠᠷᠪᠢᠳᠠᠢ ᠤᠰᠤᠯᠠᠯᠳᠠ ᠶᠢᠨ ᠳᠠᠷᠢᠶᠠᠯᠠᠩ ᠢ 48  ᠲᠦᠮᠡᠨ ᠮᠤ᠋ ᠬᠦᠭᠵᠢᠬᠦᠯᠤᠨ᠂ ᠪᠠᠭ᠎ᠠ ᠬᠦᠯᠡᠮᠵᠢ ᠰᠢᠨ᠎ᠠ ᠪᠠᠷ 1479 ᠪᠠᠶᠢᠭᠤᠯᠵᠤ᠂ ᠪᠦᠬᠦ ᠬᠤᠰᠢᠭᠤᠨ ᠤ ᠳᠠᠷᠢᠮᠠᠯ ᠤᠨ ᠶᠡᠷᠤᠩᠬᠡᠢ ᠳᠠᠯᠠᠪᠠᠢ ᠶᠢ 53 ᠲᠦᠮᠡᠨ ᠮᠤ᠋ ᠬᠦᠷᠬᠡᠵᠤ᠂ ᠡᠬᠦᠨ ᠳᠤ᠂ ᠠᠮᠤ ᠪᠤᠳᠠᠭᠠᠨ ᠤ ᠳᠠᠷᠢᠮᠠᠯ ᠤᠨ ᠳᠠᠯᠠᠪᠠᠢ 22.5 ᠲᠦᠮᠡᠨ ᠮᠤ᠋ ᠡᠵᠡᠯᠡᠬᠦᠯᠤᠨ᠂ ᠠᠳᠠᠯᠢ ᠬᠤᠭᠤᠴᠠᠭᠠᠨ ᠤ ᠬᠢ ᠠᠴᠠ 18.2% ᠪᠠᠭᠤᠷᠠᠭᠤᠯᠪᠠ︔ ᠠᠵᠤ ᠠᠬᠤᠢ ᠶᠢᠨ ᠳᠠᠷᠢᠮᠠᠯ ᠢ 19.5 ᠲᠦᠮᠡᠨ ᠮᠤ᠋ ᠳᠠᠷᠢᠵᠤ᠂ ᠠᠳᠠᠯᠢ ᠬᠤᠭᠤᠴᠠᠭᠠᠨ ᠤ ᠬᠢ  ᠠᠴᠠ 12.5% ᠨᠡᠮᠡᠭᠳᠡᠬᠦᠯᠪᠠ︔ ᠡᠪᠡᠰᠤ ᠪᠤᠷᠳᠤᠭ᠎ᠠ ᠶᠢ 11 ᠲᠦᠮᠡᠨ ᠮᠤ᠋ ᠳᠠᠷᠢᠵᠤ᠂ ᠠᠳᠠᠯᠢ ᠬᠤᠭᠤᠴᠠᠭᠠᠨ ᠤ ᠬᠢ ᠠᠴᠠ 38.8% ᠨᠡᠮᠡᠭᠳᠡᠬᠦᠯᠤᠨ᠂ ︽ᠠᠮᠤ ᠪᠤᠳᠠᠭ᠎ᠠ᠂ ᠠᠵᠤ ᠠᠬᠤᠢ ᠶᠢᠨ ᠳᠠᠷᠢᠮᠠᠯ᠂ ᠡᠪᠡᠰᠤ ᠪᠤᠷᠳᠤᠭ᠎ᠠ︾ ᠶᠢᠨ ᠬᠠᠷᠢᠴᠠᠯ ᠢ 42  ᠄ 37  ᠄ 21 ᠪᠤᠯᠭᠠᠵᠤ ᠰᠢᠯᠢᠳᠡᠭᠵᠢᠬᠦᠯᠪᠠ᠃ ᠮᠠᠯ ᠠᠵᠤ ᠠᠬᠤᠢ  ᠶᠢᠨ ᠬᠡᠪᠴᠢᠶᠠᠵᠢᠯ ᠡᠵᠡᠩᠨᠡᠯᠳᠠ ᠶᠢ ᠪᠦᠬᠦ ᠳᠠᠯ᠎ᠠ ᠪᠠᠷ ᠳᠡᠬᠡᠭᠰᠢᠯᠡᠬᠦᠯᠵᠤ᠂ ᠶᠢᠨ ᠸᠧᠢ ᠹᠦ᠋ ᠷᠧᠨ ᠺᠤᠮᠫᠠᠨᠢ᠂ ᠢᠥᠢ ᠯᠢᠶᠠᠩ ᠮᠠᠯ ᠠᠵᠤ ᠠᠬᠤᠢ ᠶᠢᠨ ᠤᠶᠢᠯᠡᠰ ᠤᠨ ᠺᠤᠮᠫᠠᠨᠢ᠂ ᠵᠦᠩ ᠴᠤᠸᠠᠨ ᠰᠠᠨ ᠾᠧ ᠳᠠᠷᠢᠶᠠᠯᠠᠩ ᠤᠢ ᠰᠢᠭᠤᠢ ᠶᠢᠨ ᠺᠤᠮᠫᠠᠨᠢ᠂ ᠢ ᠸᠧᠢ ᠮᠠᠯ ᠠᠵᠤ ᠠᠬᠤᠢ ᠶᠢᠨ ᠺᠤᠮᠫᠠᠨᠢ ᠵᠡᠷᠬᠡ 4 ᠲᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠠᠪᠴᠢᠷᠡᠵᠤ᠂ ᠾᠧᠩ ᠺᠧ᠂ ᠷᠧᠨ ᠷᠧᠨ ᠢ ᠶᠢᠨ ᠠᠯᠠᠰᠢᠨ ᠦᠬᠡᠷ ᠮᠠᠯ ᠤᠨ 2 ᠲᠦᠷᠤᠯ ᠵᠦᠢᠯ ᠢ ᠠᠰᠢᠭᠯᠠᠯᠳᠠ ᠳᠤ ᠤᠷᠤᠭᠤᠯᠤᠨ᠂ ᠦᠬᠡᠷ ᠮᠠᠯ ᠤᠨ ᠵᠢᠯ ᠤᠨ ᠪᠤᠷᠤᠯᠠᠭᠤᠯᠭ᠎ᠠ ᠶᠢᠨ ᠳᠤᠭ᠎ᠠ ᠳᠤᠯᠤᠭᠠᠢ ᠶᠢ 141 ᠲᠦᠮᠡ ᠬᠦᠷᠬᠡᠨ᠂ ᠠᠯᠠᠰᠢᠨ ᠦᠬᠡᠷ ᠳᠡᠵᠢᠬᠡᠨ ᠦᠷᠡᠵᠢᠬᠦᠯᠬᠦ ᠬᠡᠪᠴᠢᠶᠡᠵᠢᠯ ᠢ 19% ᠦᠷᠬᠡᠤᠨᠬᠡᠪᠠ᠃ ᠬᠠᠮᠳᠤ ᠶᠢᠨ ᠠᠵᠤ ᠠᠬᠤᠢ ᠶᠢ ᠢᠳᠡᠪᠬᠢᠳᠠᠢ ᠪᠤᠶᠢᠵᠢᠭᠤᠯᠤᠨ᠂ ᠠᠵᠤ ᠤᠶᠢᠯᠡᠰ ᠤᠨ ᠪᠦᠳᠤᠴᠠ ᠶᠢᠨ ᠳᠤᠬᠢᠷᠠᠭᠤᠯᠤᠯᠳᠠ ᠶᠢᠨ ᠳᠠᠭᠤᠷᠢᠶᠠᠯ ᠭᠠᠴᠠᠭ᠎ᠠ ᠳᠤᠰᠬᠤᠨ 11᠂ ᠭᠤᠤᠯᠳᠠᠯᠭᠠᠳᠤ ᠭᠠᠴᠠᠭ᠎ᠠ ᠳᠤᠰᠬᠤᠨ 16 ᠴᠤᠭᠴᠠᠯᠠᠵᠤ᠂ ᠳᠡᠵᠢᠬᠡᠨ ᠦᠷᠡᠵᠢᠬᠦᠯᠬᠦ ᠬᠦᠷᠢᠶᠡᠯᠡᠩ ᠳᠤᠭᠤᠷᠢᠭ 13᠂ ᠳᠡᠵᠢᠬᠡᠨ ᠦᠷᠡᠵᠢᠬᠦᠯᠬᠦ ᠳᠤᠮᠤ ᠡᠷᠤᠬᠡ 165᠂ ᠬᠡᠷ ᠪᠦᠯᠢ ᠶᠢᠨ ᠠᠮᠢ ᠠᠬᠤᠶᠢᠴᠢ ᠮᠠᠯ ᠳᠠᠷᠢᠶᠠᠯᠠᠩ ᠤᠨ ᠳᠠᠯᠠᠪᠠᠢ 73 ᠡᠷᠤᠬᠡ ᠶᠢ ᠴᠤᠭᠴᠠᠯᠠᠨ᠂ 17 ᠬᠠᠮᠳᠤᠷᠠᠯ ᠬᠤᠷᠰᠢᠶ᠎ᠠ ᠶᠢ ᠳᠡᠮᠵᠢᠨ ᠳᠡᠤᠨᠬᠦᠵᠤ᠂ ᠦᠪᠡᠷᠳᠡᠬᠡᠨ ᠵᠠᠰᠠᠬᠤ ᠤᠷᠤᠨ ᠤ ᠳᠡᠰ ᠤᠨ ᠳᠤᠯᠤᠭᠠᠶᠢᠯᠠᠭᠴᠢ ᠠᠵᠤ ᠠᠬᠤᠶᠢᠯᠠᠯ 1᠂ ᠬᠤᠳᠠ ᠶᠢᠨ ᠳᠡᠰ ᠤᠨ ᠳᠤᠯᠤᠭᠠᠶᠢᠯᠠᠭᠴᠢ ᠠᠵᠤ ᠠᠬᠤᠶᠢᠯᠠᠯ 3 ᠶᠢ ᠳᠠᠩᠰᠠᠯᠠᠭᠤᠯᠤᠨ᠂ ᠮᠠᠯ ᠳᠠᠷᠢᠶᠠᠯᠠᠩ ᠤᠨ ᠳᠤᠯᠤᠭᠠᠶᠢᠯᠠᠭᠴᠢ ᠠᠵᠤ ᠠᠬᠤᠶᠢᠯᠠᠯ ᠤᠳ ᠢᠶᠠᠷ 3600 ᠡᠷᠤᠬᠡ ᠠᠴᠠ ᠳᠡᠬᠡᠭᠰᠢᠬᠢ ᠮᠠᠯᠴᠢᠨ ᠳᠠᠷᠢᠶᠠᠴᠢᠨ ᠢ ᠳᠠᠶᠢᠴᠢᠯᠠᠨ᠂ ︽ᠳᠡᠭᠷᠢᠯᠢᠭ ᠬᠠᠶᠢᠷ᠎ᠠ︾᠂ ︽ᠬᠠᠭᠠᠨ ᠰᠦᠯᠳᠠ︾ ᠵᠡᠷᠬᠡ‌ᠮᠠᠯ ᠲᠠᠷᠢᠶᠠᠯᠠᠩ ᠤᠨ 19 ᠨᠡᠷᠡᠲᠣ ᠲᠡᠮᠳᠡᠭᠲᠣ ᠪᠦᠲᠤᠬᠡᠭᠳᠡᠬᠦᠨ ᠣᠷᠣᠨ ᠤ ᠲᠣᠳᠣᠨ᠎ᠠ ᠭᠠᠳᠠᠨ᠎ᠠ ᠪᠣᠷᠣᠯᠠᠭᠤᠯᠭ᠎ᠠ ᠰᠠᠶᠢᠲᠠᠢ ᠪᠣᠯᠪᠠ᠃ ᠠᠵᠤ ᠤᠶᠢᠯᠡᠤᠪᠤᠷᠢ ᠶᠢᠨ ᠬᠡᠯᠪᠡᠷᠢ ᠶᠢ ᠬᠤᠪᠢᠷᠠᠭᠤᠯᠤᠨ ᠲᠦᠷᠬᠡᠤᠨᠬᠡᠨ ᠬᠦᠭᠵᠢᠬᠦᠯᠪᠠ᠃ ᠪᠦᠬᠦ ᠬᠤᠰᠢᠭᠤᠨ ᠤ ᠠᠵᠤ ᠤᠶᠢᠯᠡᠤᠪᠤᠷᠢ ᠶᠢᠨ ᠶᠡᠷᠤᠩᠬᠡᠢ ᠦᠷᠳᠡᠭ ᠢ 290 ᠳ᠋ᠦᠩᠰᠢᠭᠤᠷ ᠲᠦᠬᠦᠷᠢᠭ ᠪᠡᠶᠡᠯᠡᠬᠦᠯᠵᠤ᠂ 13% ᠨᠡᠮᠡᠭᠳᠡᠬᠦᠯᠪᠠ︔ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ ᠢ 65.78 ᠳ᠋ᠦᠩᠰᠢᠭᠤᠷ ᠲᠦᠬᠦᠷᠢᠭ ᠪᠡᠶᠡᠯᠡᠬᠦᠯᠵᠤ᠂ 9.7% ᠨᠡᠮᠡᠭᠳᠡᠬᠦᠯᠪᠠ︔ ᠬᠡᠪᠴᠢᠶᠠᠵᠢᠯ ᠠᠴᠠ ᠳᠠᠪᠠᠭᠰᠡᠨ ᠠᠵᠤ ᠤᠶᠢᠯᠡᠤᠨᠪᠤᠷᠢ ᠶᠢᠨ ᠶᠡᠷᠤᠩᠬᠡᠢ ᠦᠷᠳᠡᠭ ᠢ 216 ᠳ᠋ᠦᠩᠰᠢᠭᠤᠷ ᠲᠦᠬᠦᠷᠢᠭ ᠬᠦᠷᠬᠡᠵᠤ᠂ 8% ᠨᠡᠮᠡᠭᠳᠡᠬᠦᠯᠪᠠ︔ ᠱᠠᠩᠬᠠᠢ ᠶᠢᠨ ᠰᠦᠮ᠎ᠠ ᠡᠨᠧᠷᠬᠢ ᠬᠢᠮᠢ  ᠶᠢᠨ ᠰᠠᠭᠤᠷᠢᠨ ᠭᠠᠵᠠᠷ ᠤᠨ ᠪᠤᠷᠤᠯᠠᠭᠤᠯᠭ᠎ᠠ ᠶᠢᠨ ᠤᠷᠤᠯᠭ᠎ᠠ 150 ᠳ᠋ᠦᠩᠰᠢᠭᠤᠷ ᠲᠦᠬᠦᠷᠢᠭ ᠬᠦᠷᠪᠠ᠃ ᠬᠤᠳᠠ ᠶᠢᠨ ᠱᠠᠳᠤᠨ ᠠᠴᠠ ᠵᠤᠬᠢᠴᠠᠭᠤᠯᠤᠭᠰᠡᠨ ᠳ᠋ᠦᠩᠰᠢᠭᠤᠷ ᠲᠦᠬᠦᠷᠢᠭ ᠠᠴᠠ ᠳᠡᠬᠡᠭᠰᠢᠬᠢ 15 ᠭᠤᠤᠯᠳᠠᠯᠭᠠᠳᠤ ᠲᠦᠷᠤᠯ ᠵᠦᠢᠯ ᠢ ᠪᠦᠬᠦ ᠳᠠᠯ᠎ᠠ ᠪᠠᠷ ᠠᠵᠢᠯ ᠰᠡᠷᠬᠦᠬᠡᠵᠤ᠂ ᠨᠠᠶᠢᠳᠠ 188 ᠳ᠋ᠦᠩᠰᠢᠭᠤᠷ ᠲᠦᠬᠦᠷᠢᠭ ᠪᠡᠯᠡ ᠤᠷᠤᠭᠤᠯᠪᠠ᠃ ᠡᠬᠦᠨ ᠳᠤ ᠭᠤᠤᠯᠳᠠᠯᠭᠠᠳᠤ ᠠᠵᠤ ᠤᠶᠢᠯᠡᠤᠨᠪᠤᠷᠢ ᠶᠢᠨ ᠲᠦᠷᠤᠯ ᠵᠦᠢᠯ 6 ᠪᠠᠶᠢᠬᠤ ᠪᠦᠬᠡᠤᠨ ᠨᠠᠶᠢᠳᠠ 155 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠭᠰᠡᠨ ᠪᠠᠶᠢᠨ᠎ᠠ᠃ ᠶᠡᠷᠤᠩᠬᠡᠢ ᠪᠡᠯᠡ ᠤᠷᠤᠭᠤᠯᠤᠯᠳᠠ ᠨᠢ 211 ᠳ᠋ᠦᠩᠰᠢᠭᠤᠷ ᠲᠦᠬᠦᠷᠢᠭ ᠤᠨ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ ᠬᠦᠷᠬᠡᠬᠦ ᠱᠤᠭᠤᠮ ᠤᠨ ᠮᠤᠳᠤ ᠴᠢᠯᠠᠭᠤᠨ ᠪᠠᠷᠢᠯᠭ᠎ᠠ᠂ ᠰᠤᠪᠤᠷᠭᠠᠨ ᠰᠠᠭᠤᠷᠢ᠂ ᠳᠡᠮᠤᠷ ᠰᠤᠪᠤᠷᠭ᠎ᠠ ᠪᠠᠶᠢᠷᠢᠯᠠᠭᠤᠯᠬᠤ ᠠᠵᠢᠯ ᠢ ᠴᠦᠮ ᠳᠡᠬᠦᠰᠬᠡᠵᠤ᠂ ᠤᠯᠤᠰ ᠤᠨ ᠴᠠᠬᠢᠯᠭᠠᠨ ᠪᠦᠯᠦᠭᠯᠡᠯ᠂ ᠱᠧᠩ ᠯᠤ᠋ ᠶᠢᠨ ᠬᠤᠶᠠᠷ 2×100 ᠲᠦᠮᠡᠨ ᠺᠢᠯᠤᠸᠠᠲ ᠤᠨ ᠴᠠᠬᠢᠯᠭᠠᠨ ᠤᠶᠢᠯᠡᠤᠨᠪᠤᠷᠢ ᠶᠢᠨ ᠪᠠᠶᠢᠭᠤᠯᠤᠯᠳᠠ ᠡᠬᠢᠯᠡᠵᠤ᠂  ᠱᠧᠨ ᠬᠤᠸᠠ᠂ ᠪᠧᠢ ᠹᠠᠩ ᠤᠨ 2 ᠴᠠᠬᠢᠯᠭᠠᠨ ᠤᠶᠢᠯᠡᠤᠨᠪᠤᠷᠢ ᠶᠢᠨ ᠲᠦᠷᠤᠯ ᠵᠦᠢᠯ ᠡᠳᠤᠬᠡ ᠶᠠᠭ ᠭᠠᠷᠳᠠᠮ ᠭᠦᠢᠴᠡᠤᠨᠬᠡᠵᠤ ᠪᠤᠢ᠃ ᠬᠤᠸᠠ ᠰᠢᠩ  ᠤᠨ 40 ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠦᠯ ᠵᠣᠶᠢᠯ ᠤᠨ ᠨᠡᠬᠦᠷᠡᠰᠣᠨ ᠡᠬᠢ ᠰᠣᠷᠪᠣᠯᠵᠢ ᠶᠢᠨ ᠣᠷᠢᠳᠠᠴᠢ ᠲᠦᠬᠦᠷᠵᠢᠬᠦᠯᠣᠯᠲᠡ ᠶᠢ ᠵᠦᠪᠰᠢᠶᠡᠷᠡᠬᠦᠯᠬᠦ ᠪᠠᠷ ᠮᠡᠳᠡᠬᠦᠯᠵᠣ᠂ 60 ᠲᠦᠮᠡᠨ ᠲᠣᠨ ᠨᠡᠬᠦᠷᠡᠰᠤ ᠪᠠᠷ ᠠᠯᠺᠸᠠ ᠤᠶᠢᠯᠡᠤᠨᠬᠦ ᠲᠦᠷᠦᠯ ᠵᠣᠶᠢᠯ ︽ᠣᠯᠣᠰ ᠤᠨ ᠨᠡᠬᠦᠷᠡᠰᠣ ᠬᠢᠮᠢ ᠶᠢᠨ ᠠᠵᠣ ᠦᠢᠯᠡᠳᠪᠣᠷᠢ ᠶᠢᠨ ᠰᠢᠨᠡᠴᠢᠯᠡᠯ ᠲᠠᠢ ᠬᠦᠭᠵᠢᠬᠦᠯᠦᠯᠲᠡ ᠶᠢᠨ ᠪᠠᠶᠢᠷᠢᠯᠠᠭᠤᠯᠣᠯᠲᠠ ᠶᠢᠨ ᠲᠦᠰᠣᠯ︾ ᠳᠤ ᠣᠷᠣᠪᠠ︔ ᠶᠡᠷᠣᠩᠬᠡᠢ ᠬᠡᠪᠴᠢᠶᠡᠵᠢᠯ 120 ᠲᠦᠮᠡᠨ ᠲᠣᠨ ᠤ 4 LNG ᠲᠦᠷᠦᠯ ᠵᠣᠶᠢᠯ ᠯᠠᠪᠳᠠᠭᠤᠨ ᠠᠬᠢᠵᠤ᠂ ᠰᠧᠨ ᠲᠠᠢ᠂ ᠱᠢ ᠳ᠋ᠠ ᠶᠢᠨ ᠬᠤᠶᠠᠷ 20 ᠲᠦᠮᠡᠨ ᠳᠤᠨ ᠤ LNG ᠲᠦᠷᠤᠯ ᠵᠦᠢᠯ ᠠᠰᠢᠭᠯᠠᠯᠳᠠ ᠳᠤ ᠤᠷᠤᠨ᠂ ᠰᠧ ᠺᠧ᠂ ᠶᠠ ᠬᠠᠢ ᠬᠤᠶᠠᠷ LNG ᠲᠦᠷᠤᠯ ᠵᠦᠢᠯ ᠤᠨ ᠭᠤᠤᠯ ᠪᠠᠷᠢᠯᠭ᠎ᠠ ᠳᠠᠭᠤᠰᠪᠠ᠃ ︽ᠰᠢᠨ᠎ᠡ‌ᠡᠨᠧᠷᠬᠢ ᠶᠢᠨ ᠠᠵᠣ ᠦᠢᠯᠡᠰ ᠤᠨ ᠬᠦᠭᠵᠢᠯᠲᠡ ᠶᠢᠨ ᠲᠦᠯᠦᠪᠵᠢᠬᠦᠯᠬᠡ︾ ᠶᠢ ᠨᠠᠶᠢᠷᠠᠭᠤᠯᠵᠣ ᠲᠠᠭᠤᠰᠬᠠᠨ᠂ ᠡᠮᠣᠨ᠎ᠡ ᠬᠤᠭᠤᠴᠠᠭᠠᠨ ᠤ ᠠᠵᠢᠯ ᠢ ᠶᠠᠪᠣᠭᠳᠠᠭᠤᠯᠵᠣ ᠪᠠᠶᠢᠭ᠎ᠠ‌‍ᠰᠢᠨ᠎ᠡ‌ᠡᠨᠧᠷᠬᠢ  ᠶᠢᠨ ᠮᠠᠰᠢᠨ ᠴᠣᠭᠴᠠᠯᠠᠪᠣᠷᠢ 1000 ᠲᠦᠮᠡᠨ ᠺᠢᠯᠤᠸᠠᠲ ᠠᠴᠠ ᠲᠠᠪᠠᠪᠠ᠃ ᠦᠢᠯᠡᠴᠢᠯᠡᠬᠡᠨ ᠤ ᠦᠢᠯᠡᠰ ᠤᠨ ᠠᠮᠢᠲᠣᠯᠢᠭ ᠬᠦᠴᠤᠨ ᠢ ᠢᠯᠡᠷᠬᠡᠢ ᠲᠡᠬᠡᠭᠰᠢᠯᠡᠬᠦᠯᠪᠡ᠃ ᠰᠤᠶᠤᠯ ᠵᠢᠭᠤᠯᠴᠢᠯᠠᠯ᠂ ᠤᠳᠤ ᠦᠶ᠎ᠡ ᠶᠢᠨ ᠪᠤᠳᠠᠰ ᠤᠨ ᠬᠦᠢᠯᠬᠡᠬᠡ᠂ ᠡᠷᠡᠬᠦᠯᠵᠢᠯ ᠰᠤᠪᠢᠯᠠᠯ᠂ ᠮᠦᠩᠬᠦᠨ ᠬᠦᠢᠯᠬᠡᠬᠡ ᠵᠡᠷᠬᠡ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠲᠦᠷᠬᠡᠤᠨᠬᠡᠨ ᠬᠦᠭᠵᠢᠬᠦᠯᠪᠠ᠃ ᠶᠠᠨ ᠠᠨ ᠤ ᠦᠨᠳᠤᠰᠤᠳᠠᠨ ᠤ ᠳᠡᠬᠡᠳᠤ ᠰᠤᠷᠭᠠᠭᠤᠯᠢ ᠶᠢᠨ ᠪᠤᠷᠤᠪᠠᠯᠭᠠᠰᠤᠨ ᠳᠠᠬᠢ ᠳᠤᠷᠠᠰᠬᠠᠯ ᠤᠨ ᠲᠢᠩᠬᠢᠮ ᠢᠶᠠᠷ ᠭᠤᠤᠯᠯᠠᠭᠤᠯᠤᠨ᠂ ᠳᠠᠬᠢᠯᠳᠤ ᠳᠠᠬᠢ ᠠᠵᠢᠯᠯᠠᠬᠤ ᠬᠤᠷᠢᠶ᠎ᠠ ᠵᠡᠷᠬᠡ 6 ᠬᠦᠮᠤᠵᠢᠯ ᠤᠨ ᠴᠡᠭ ᠢᠶᠠᠷ ᠨᠦᠬᠦᠪᠤᠷᠢᠯᠡᠬᠦᠯᠦᠭᠰᠡᠨ ︽1 + 6︾ ᠬᠤᠪᠢᠰᠬᠠᠯᠳᠤ ᠪᠤᠯᠪᠠᠰᠤᠷᠠᠯ ᠬᠦᠮᠤᠵᠢᠯ ᠤᠨ ᠰᠠᠭᠤᠷᠢᠨ ᠤ ᠭᠤᠤᠯ ᠴᠤᠭᠴᠠ ᠶᠢᠨ ᠠᠵᠢᠯ ᠢ ᠳᠡᠬᠦᠰᠬᠡᠵᠤ᠂ ᠵᠠᠰᠠᠯ ᠴᠢᠮᠡᠭᠯᠡᠯ ᠤᠨ ᠠᠵᠢᠯ ᠢ ᠲᠦᠷᠬᠡᠤᠨᠬᠡᠨ᠂ ᠪᠦᠬᠦ ᠤᠯᠤᠰ ᠤᠨ ᠤᠯᠤᠰ ᠢᠶᠠᠨ ᠬᠠᠶᠢᠷᠠᠯᠬᠠᠤ ᠬᠦᠮᠤᠵᠢᠯ ᠤᠨ ᠰᠠᠭᠤᠷᠢᠨ ᠭᠠᠵᠠᠷ ᠢᠶᠠᠷ ᠳᠠᠩᠰᠠᠯᠠᠭᠤᠯᠬᠤ ᠪᠠᠷ ᠮᠡᠳᠡᠬᠦᠯᠵᠤ ᠪᠤᠢ᠃ ᠪᠠᠶᠠᠨᠰᠢᠪᠠᠷ ᠤᠨ ᠴᠠᠶᠢᠳᠠᠮ ᠵᠡᠷᠬᠡ ᠵᠡᠬᠦᠨ ᠪᠡᠶ᠎ᠡ ᠶᠢᠨ ᠵᠢᠭᠤᠯᠴᠢᠯᠠᠯ  ᠤᠨ ᠱᠤᠭᠤᠮ ᠬᠢᠬᠡᠤᠨ ᠬᠡᠷᠡᠮ ᠤᠨ ᠭᠤᠤᠯ ︵ᠤᠮᠠᠷᠠᠳᠤ ᠬᠡᠰᠡᠭ︶ ᠵᠡᠷᠬᠡ ᠪᠠᠷᠠᠭᠤᠨ ᠪᠠᠶ᠎ᠠ ᠶᠢᠨ ᠵᠢᠭᠤᠯᠴᠢᠯᠠᠯ ᠤᠨ ᠡᠬᠢ ᠰᠤᠷᠪᠤᠯᠵᠢ ᠶᠢᠨ ᠨᠡᠬᠡᠬᠡᠯᠳᠠ ᠶᠢ ᠵᠤᠬᠢᠴᠠᠯ  ᠲᠠᠢ ᠠᠬᠢᠭᠤᠯᠵᠤ᠂ ᠮᠠᠯᠴᠢᠨ ᠳᠠᠷᠢᠶᠠᠴᠢᠨ ᠠᠶᠢᠯ ᠤᠨ ᠪᠠᠶᠠᠰᠤᠯ ᠵᠤᠴᠢᠯᠠᠭ᠎ᠠ ᠶᠢᠨ ᠡᠷᠤᠬᠡ ᠶᠢ 75 ᠨᠡᠮᠡᠭᠳᠡᠬᠦᠯᠵᠤ᠂ ︽ᠮᠦᠩᠬᠦᠨ ᠡᠪᠤᠯ ᠤᠨ ᠨᠠᠭᠠᠳᠤᠮ︾᠂ ︽ᠭᠤᠯᠤᠮᠳᠠ ᠭᠠᠯ ᠰᠤᠶᠤᠯ ᠤᠨ ᠨᠠᠶᠢᠷ︾ ᠵᠡᠷᠬᠡ ᠪᠠᠶᠠᠷ ᠳᠤᠷᠠᠰᠬᠠᠯ ᠤᠨ ᠠᠵᠢᠯ ᠢ ᠪᠦᠳᠤᠮᠵᠢᠳᠠᠢ ᠡᠷᠬᠢᠯᠡᠨ᠂ ᠪᠦᠬᠦ ᠵᠢᠯ ᠳᠤ ᠵᠢᠭᠤᠯᠴᠢᠯᠠᠨ ᠵᠤᠷᠴᠢᠭᠰᠠᠤᠨ ᠢ ᠨᠠᠶᠢᠳᠠ 80 ᠲᠦᠮᠡᠨ ᠬᠦᠮᠤᠨ ᠤᠳᠠᠭ᠎ᠠ ᠬᠦᠯᠢᠶᠡᠵᠤ᠂ 16.2% ᠨᠡᠮᠡᠭᠳᠡᠬᠦᠯᠤᠨ᠂ ᠵᠢᠭᠤᠯᠴᠢᠯᠠᠯ ᠤᠨ ᠶᠡᠷᠤᠩᠬᠡᠢ ᠤᠷᠤᠯᠭ᠎ᠠ 24.7 ᠳ᠋ᠦᠩᠰᠢᠭᠤᠷ ᠲᠦᠬᠦᠷᠢᠭ ᠬᠦᠷᠴᠤ᠂ 28.6% ᠨᠡᠮᠡᠭᠳᠡᠪᠠ᠃ ᠡᠯᠧᠺᠲᠷᠣᠨ ᠠᠷᠠᠯᠵᠢᠶᠠᠨ ᠤ ᠶᠠᠪᠣᠳᠠᠯ ᠪᠣᠯᠣᠨ ᠣᠳᠦ ᠦᠶ᠎ᠡ ᠶᠢᠨ ᠪᠣᠳᠠᠰ ᠤᠨ ᠭᠦᠢᠯᠭᠡᠭᠡᠨ ᠤ ᠬᠦᠭᠵᠢᠯᠳᠠ ᠶᠢᠨ ᠲᠦᠯᠦᠪᠵᠢᠭᠦᠯᠭᠡ ᠲᠣᠭᠳᠠᠭᠠᠨ᠂ ᠱᠠᠩᠬᠠᠢ ᠶᠢᠨ ᠰᠦᠮ᠎ᠡ ᠶᠡᠷᠦᠩᠬᠡᠶᠢᠯᠡᠭᠰᠡᠨ ᠪᠣᠳᠠᠰ ᠤᠨ ᠭᠦᠢᠯᠭᠡᠭᠡᠨ ᠤ ᠬᠦᠷᠢᠶᠡᠯᠡᠩ ᠢ ᠡᠬᠢᠯᠡᠭᠦᠯᠵᠣ᠂ ᠡᠯᠧᠺᠲᠷᠣᠨ ᠠᠷᠠᠯᠵᠢᠶᠠᠨ ᠤ ᠶᠠᠪᠣᠳᠠᠯ ᠤᠨ ᠰᠠᠭᠤᠷᠢᠨ ᠢ ᠦᠪᠡᠷᠳᠡᠭᠡᠨ ᠵᠠᠰᠠᠬᠤ ᠣᠷᠣᠨ ᠤ ᠡᠯᠧᠺᠲᠷᠣᠨ ᠠᠷᠠᠯᠵᠢᠶᠠᠨ ᠤ ᠣᠶᠢᠯᠠᠰ ᠤᠨ ᠲᠠᠭᠤᠷᠢᠶᠠᠯ ᠰᠠᠭᠤᠷᠢᠨ ᠢᠶᠠᠷ ᠪᠦᠳᠦᠮᠵᠢᠳᠡᠢ ᠲᠠᠩᠰᠠᠯᠠᠭᠤᠯᠪᠠ︔ ᠠᠵᠠᠳᠠᠢ ᠰᠣᠪᠢᠯᠠᠯᠳᠡ ᠶᠢᠨ ᠬᠦᠷᠢᠶᠠᠯᠠᠩ ᠢ ᠠᠰᠢᠭᠯᠠᠯᠳᠡ ᠳᠤ ᠣᠷᠣᠭᠤᠯᠵᠣ᠂ ᠦᠪᠡᠷᠳᠡᠭᠡᠨ ᠵᠠᠰᠠᠬᠤ ᠣᠷᠣᠨ ᠤ ︽ᠡᠮᠨᠡᠬᠦ ᠰᠣᠪᠢᠯᠠᠬᠤ ᠶᠢ ᠣᠶᠠᠯᠳᠣᠭᠤᠯᠣᠭᠰᠠᠨ ᠲᠣᠷᠰᠢᠯᠳᠠ  ᠶᠢᠨ ᠴᠡᠭ︾ ᠪᠣᠯᠭᠠᠨ ᠴᠣᠭᠴᠠᠯᠠᠪᠠ︔ ᠰᠣᠶᠣᠯ ᠤᠨ ᠠᠵᠣ ᠣᠶᠢᠯᠠᠰ ᠤᠨ ᠬᠦᠷᠢᠶᠡᠯᠠᠩ ᠦᠪᠡᠷᠳᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠪᠦᠳᠦᠭᠡᠯᠴᠢ ᠠᠵᠣ ᠣᠶᠢᠯᠠᠰ ᠤᠨ ᠬᠦᠷᠢᠶᠡᠯᠡᠩ ᠪᠠ ᠦᠪᠡᠷᠳᠡᠭᠡᠨ ᠵᠠᠰᠠᠬᠤ ᠣᠷᠣᠨ ᠤ ᠣᠶᠢᠯᠡᠴᠢᠯᠡᠭᠡᠨ ᠤ ᠣᠶᠢᠯᠠᠰ ᠤᠨ ᠴᠣᠭᠯᠠᠭ᠎ᠠ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠣ᠂ ᠡᠯᠧᠺᠲᠷᠣᠨ  ᠠᠷᠠᠯᠵᠢᠶᠠᠨ ᠤ ᠶᠠᠪᠣᠳᠠᠯ ᠤᠨ ᠣᠷᠣᠯᠭ᠎ᠠ ᠳ᠋ᠦᠩᠰᠢᠭᠤᠷ ᠲᠦᠭᠦᠷᠢᠭ ᠤᠨ ᠪᠣᠭᠤᠮᠳᠠ ᠲᠠᠪᠠᠪᠠ᠃ ᠪᠦᠬᠦ ᠬᠤᠰᠢᠭᠤᠨ ᠤ ᠪᠠᠩᠬᠢ ᠶᠢᠨ ᠣᠶᠢᠯᠠᠰ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ ᠤᠨ ᠬᠠᠳᠠᠭᠠᠯᠠᠮᠵᠢ ᠶᠢᠨ ᠬᠡᠮᠵᠢᠶ᠎ᠡ ᠪᠣᠯᠣᠨ ᠵᠢᠭᠡᠯᠡᠯᠭᠡ ᠶᠢᠨ ᠦᠯᠡᠪᠦᠷᠢ ᠦᠷᠳᠡᠭ ᠲᠣᠰ ᠪᠦᠷᠢ 12.47% ᠪᠡ 7.47% ᠪᠠᠷ ᠦᠰᠪᠡ᠃         ︵ᠬᠤᠶᠠᠷ︶ ᠵᠣᠬᠢᠴᠠᠩᠭᠤᠢ ᠬᠦᠭᠵᠢᠯᠳᠠ ᠶᠢᠨ ᠴᠢᠳᠠᠮᠵᠢ ᠴᠢᠩᠭᠠᠳᠪᠠ᠃ ᠬᠤᠳᠠ ᠬᠥᠳᠡᠭᠡ ᠶᠢᠨ ᠢᠵᠢ ᠴᠤᠭᠴᠠᠵᠢᠭᠰᠠᠨ ᠭᠥᠭᠵᠢᠯᠳᠡ ᠶᠢ ᠪᠠᠷᠢᠮᠳᠠᠯᠠᠵᠤ ᠂ ᠠᠵᠤ ᠥᠢᠯᠡᠰ ᠬᠢᠭᠡᠳ ᠬᠤᠳᠠ ᠪᠠᠯᠭᠠᠰᠤ ᠶᠢᠨ ᠵᠤᠬᠢᠴᠠᠯᠳᠤ ᠭᠥᠭᠵᠢᠯᠳᠡ ᠵᠢᠴᠢ ᠬᠤᠳᠠ ᠪᠠᠯᠭᠠᠰᠤ ᠪᠠᠷ ᠬᠥᠳᠡᠭᠡ ᠨᠤᠳᠤᠭ ᠢ ᠲᠠᠶᠢᠴᠢᠯᠠᠬᠤ ᠠᠵᠢᠯ ᠢ ᠠᠬᠢᠭᠤᠯᠤᠨ ᠂ ᠴᠢᠳᠠᠮᠵᠢ ᠶᠢᠨ ᠲᠥᠭᠦᠷᠵᠢᠭᠦᠯᠭᠡ ᠪᠤᠯᠤᠨ ᠪᠥᠳᠥᠴᠠ ᠶᠢᠨ ᠰᠢᠯᠢᠳᠡᠭᠵᠢᠭᠦᠯᠥᠯᠳᠡ ᠶᠢ ᠲᠥᠷᠭᠡᠳᠭᠡᠵᠥ᠂ ᠬᠤᠳᠠ ᠬᠥᠳᠡᠭᠡ ᠶᠢᠨ ᠰᠠᠭᠤᠷᠢ ᠪᠠᠶᠢᠭᠤᠯᠤᠯᠳᠠ ᠶᠢ ᠨᠢᠭᠡᠳᠥᠯᠳᠡᠢ ᠲᠥᠯᠥᠪᠯᠡᠨ᠂ ᠭᠥᠭᠵᠢᠯᠳᠡ ᠶᠢᠨ ᠤᠷᠤᠨ ᠵᠠᠢ ᠶᠢ ᠤᠯᠠᠮ ᠥᠷᠭᠡᠳᠭᠡᠪᠡ᠃ ᠬᠤᠳᠠ ᠭᠥᠳᠡᠭᠡ ᠶᠢᠨ ᠲᠥᠷᠢ ᠲᠥᠷᠭᠦ ᠠᠳᠠᠯᠢ ᠠᠯᠬᠤᠮ ᠢᠶᠠᠷ ᠰᠢᠨᠡᠳᠪᠡ᠃ ᠨᠡᠶᠢᠳᠡ 14.6 ᠳ᠋ᠥᠩᠰᠢᠭᠤᠷ ᠲᠥᠭᠦᠷᠢᠭ ᠪᠡᠯᠡ ᠵᠠᠷᠤᠴᠠᠭᠤᠯᠤᠨ ᠮᠠᠯᠵᠢᠬᠤ ᠲᠠᠷᠢᠶᠠᠯᠠᠬᠤ ᠤᠷᠤᠨ ᠤ ᠤᠰᠤ᠂ ᠴᠠᠬᠢᠯᠭᠠᠨ᠂ ᠵᠠᠮ᠂ ᠴᠢᠮᠡᠭᠡ ᠨᠡᠪᠳᠡᠷᠡᠯᠭᠡ᠂ ᠤᠷᠤᠨ ᠰᠠᠭᠤᠴᠠ ᠵᠡᠷᠭᠡ ᠰᠠᠭᠤᠷᠢ ᠪᠠᠳᠤᠯᠠᠭ᠎ᠠ ᠶᠢᠨ ᠵᠥᠢᠯ ᠪᠠ ᠰᠤᠷᠭᠠᠨ ᠭᠥᠮᠥᠵᠢᠯ᠂ ᠡᠮ ᠡᠮᠨᠡᠯᠭᠡ ᠵᠡᠷᠭᠡ ᠤᠯᠠᠨ ᠨᠡᠶᠢᠳᠡ ᠶᠢᠨ ᠥᠢᠯᠡᠴᠢᠯᠡᠭᠡᠨ ᠤ ᠨᠥᠭᠦᠴᠡᠯ ᠪᠤᠯᠤᠮᠵᠢ  ᠶᠢ ᠪᠥᠭᠦ ᠲᠠᠯ᠎ᠠ ᠪᠠᠷ ᠰᠠᠶᠢᠵᠢᠷᠠᠭᠤᠯᠤᠨ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢᠨ ᠲᠠᠭᠠᠭᠠᠮᠠᠭᠠᠢ ᠲᠤᠭᠳᠠᠴᠠ ᠪᠥᠷᠢᠳᠥᠭᠦᠯᠵᠤ᠂ ᠥᠵᠡᠰᠭᠦᠯᠡᠩᠳᠤ ᠭᠥᠳᠡᠭᠡ ᠨᠤᠳᠤᠭ ᠤᠨ ᠪᠠᠶᠢᠭᠤᠯᠤᠯᠳᠠ ᠶᠢ ᠯᠠᠪᠳᠠᠭᠤᠨ ᠠᠬᠢᠭᠤᠯᠪᠠ᠃ ᠬᠤᠳᠠ ᠶᠢᠨ ᠲᠣᠭᠤᠷᠢᠭ ᠤᠨ ᠵᠠᠮ ᠵᠠᠭᠡᠯᠢ ᠪᠣᠯᠣᠨ ᠪᠣᠬᠢᠷ ᠣᠰᠣ ᠲᠠᠮᠵᠢᠭᠤᠯᠬᠤ ᠬᠤᠭᠤᠯᠡᠢ ᠶᠢ ᠦᠭᠡᠷᠡᠴᠢᠯᠡᠨ ᠲᠡᠰ ᠲᠡᠪᠰᠢᠭᠦᠯᠵᠣ᠂ ᠣᠯᠵᠠᠴᠢ ᠪᠠᠯᠭᠠᠰᠦ᠂ ᠱᠠᠩᠬᠠᠢ ᠶᠢᠨ ᠰᠦᠮ᠎ᠡ ᠶᠢᠨ ᠪᠠᠯᠭᠠᠰᠣᠨ ᠤ ᠲᠣᠭᠤᠷᠢᠭ ᠲᠤ WIFI ᠪᠦᠷᠬᠦᠪᠴᠢ ᠪᠡᠶᠡᠯᠡᠭᠦᠯᠵᠣ᠂ ᠫᠢᠩᠫᠠᠩ ᠪᠦᠮᠪᠦᠭᠡ ᠦᠳᠦᠨ ᠪᠣᠮᠪᠦᠭᠡ ᠶᠢᠨ ᠣᠷᠳᠣᠨ᠂ ᠣᠮᠪᠠᠯᠳᠠ ᠶᠢᠨ ᠣᠷᠳᠣᠨ᠂ ᠳ᠋ᠠᠶᠢᠲᠨ ᠲᠦᠪ ᠵᠡᠷᠭᠡ ᠶᠢ ᠠᠰᠢᠭᠯᠠᠯᠳᠡ ᠳᠤ ᠣᠷᠣᠭᠤᠯᠣᠨ᠂ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠳᠠ ᠶᠢᠨ ᠴᠣᠭᠴᠠᠯᠠᠯᠳᠡ ᠤᠯᠤᠰ ᠤᠨ ᠵᠢᠯ ᠤᠨ ᠦᠨᠡᠯᠡᠯᠳᠠ ᠶᠢ ᠤᠷᠤᠭᠰᠢᠳᠠᠢ ᠳᠤᠭᠤᠯᠪᠠ᠃ ᠰᠠᠭᠤᠷᠢ ᠪᠠᠶᠢᠭᠤᠯᠣᠯᠳᠠ ᠯᠠᠪᠳᠠᠭᠤᠨ ᠠᠬᠢᠪᠠ᠃ ᠮᠠᠯᠵᠢᠬᠤ ᠲᠠᠷᠢᠶᠠᠯᠠᠬᠤ ᠣᠷᠣᠨ ᠤ ᠬᠦᠳᠡᠯᠭᠡᠭᠴᠢ ᠴᠠᠬᠢᠯᠭᠠᠨ ᠤ ᠪᠦᠬᠦ ᠪᠦᠷᠬᠦᠴᠡ ᠶᠢ ᠪᠡᠶᠡᠯᠡᠭᠦᠯᠵᠣ᠂ 10 ᠺᠢᠯᠣᠸᠣᠯᠲ ᠠᠴᠠ ᠲᠣᠷᠣᠭᠰᠢ ᠴᠠᠬᠢᠯᠭᠠᠨ ᠭᠦᠷᠭᠡᠯᠳᠡ ᠶᠢᠨ ᠱᠣᠭᠤᠮ 1317 ᠺᠢᠯᠣᠮᠧᠲᠷ ᠦᠭᠡᠷᠡᠴᠢᠯᠡᠬᠦ ᠪᠣᠶᠣ ᠨᠡᠮᠡᠨ ᠵᠠᠰᠠᠵᠣ᠂ 35 ᠺᠢᠯᠣᠸᠣᠯᠲ ᠠᠴᠠ ᠲᠡᠭᠡᠭᠰᠢᠬᠢ ᠴᠠᠬᠢᠯᠭᠠᠨ ᠬᠤᠪᠢᠰᠬᠠᠨ ᠲᠠᠮᠵᠢᠭᠤᠯᠬᠤ ᠢᠨᠵᠧᠨᠧᠷᠢᠩ ᠢ 10 ᠪᠠᠶᠢᠭᠤᠯᠪᠠ᠃ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠬᠡᠨ ᠵᠠᠮ ᠤᠨ ᠵᠠᠮ  ᠤᠨ ᠰᠠᠭᠤᠷᠢ ᠶᠢᠨ ᠪᠠᠷᠢᠯᠭ᠎ᠠ ᠲᠠᠭᠤᠰᠴᠤ᠂ ᠱᠠᠩᠬᠠᠢ ᠶᠢᠨ ᠰᠦᠮ᠎ᠠ ᠠᠴᠠ ᠦᠵᠦᠭᠦᠷ ᠪᠠᠯᠭᠠᠰᠦ ᠬᠦᠷᠬᠦ ᠵᠠᠰᠠᠮᠠᠯ ᠵᠠᠮ ᠤᠨ ᠵᠠᠮ ᠤᠨ ᠭᠠᠳᠠᠷᠭᠤ ᠶᠢᠨ ᠪᠠᠷᠢᠯᠭ᠎ᠠ ᠲᠠᠭᠤᠰᠴᠣ᠂ ᠮᠣᠵᠢ ᠶᠢᠨ ᠵᠠᠮ ᠤᠨ S216 ᠱᠤᠭᠤᠮ ᠤᠨ ᠤᠯᠵᠠᠴᠢ ᠠᠴᠠ ᠵᠠᠩᠭᠤᠳᠤ ᠬᠦᠷᠬᠦ ᠬᠡᠰᠡᠭ ᠢ ᠦᠬᠡᠷᠡᠴᠢᠯᠡᠨ ᠵᠠᠰᠠᠬᠤ ᠲᠦᠷᠤᠯ ᠵᠦᠢᠯ ᠤᠨ ᠡᠬᠢᠯᠡᠭᠦᠯᠬᠦ ᠨᠦᠭᠦᠴᠡᠯ  ᠪᠦᠷᠢᠤᠨᠴᠤ᠂ S317 ᠱᠤᠭᠤᠮ ᠤᠨ ᠤᠯᠵᠠᠴᠢ ᠠᠴᠠ ᠳᠤᠯᠢ ᠬᠦᠷᠬᠦ ᠨᠢᠬᠡᠳᠤᠬᠡᠷ ᠲᠡᠰ ‍ᠤᠨ‌ᠵᠠᠰᠠᠮᠠᠯ ᠵᠠᠮ ᠤᠨ ᠡᠮᠦᠨ᠎ᠡ ᠬᠤᠭᠤᠴᠠᠭᠠᠨ ᠤ ᠭᠠᠷᠳᠠᠮ ᠣᠷᠣᠭᠰᠠᠳᠠᠢ ᠠᠬᠢᠵᠣ᠂ ᠭᠠᠴᠠᠭ᠎ᠠ ᠲᠣᠰᠬᠤᠨ ᠤ ᠵᠠᠰᠠᠮᠠᠯ ᠵᠠᠮ ᠪᠣᠯᠣᠨ ᠡᠷᠦᠬᠡ ᠳᠤ ᠨᠡᠪᠳᠡᠷᠡᠬᠦ ᠵᠠᠮ ᠢ 2100 ᠭᠠᠷᠣᠢ ᠺᠢᠯᠣᠮᠧᠲᠷ ᠰᠢᠨ᠎ᠡ ᠳᠡᠪᠢᠰᠴᠤ᠂ ᠪᠦᠬᠦ ᠬᠤᠰᠢᠭᠤᠨ ᠤ ᠴᠠᠷᠳᠠᠮᠠᠯ ᠵᠠᠮ ᠤᠨ ᠶᠡᠷᠦᠩᠬᠡᠢ ᠣᠷᠳᠦ 2933 ᠺᠢᠯᠣᠮᠧᠲᠷ ᠬᠦᠷᠪᠡ᠃ ᠲᠣᠣ ᠱᠠᠩ ᠲᠠᠮᠦᠷ ᠵᠠᠮ ᠤᠨ ᠲᠣᠯᠢ ᠠᠴᠠ ᠣᠯᠵᠠᠴᠢ ᠬᠦᠷᠬᠦ ᠬᠡᠰᠡᠭ ᠲᠡᠷᠭᠡ ᠨᠡᠪᠲᠡᠷᠡᠬᠦ ᠨᠦᠬᠦᠴᠡᠯ ᠪᠦᠷᠢᠳᠪᠡ  ︔ ᠣᠳᠤᠭ ᠤᠨ ᠡᠮᠦᠨᠡᠳᠦ ᠬᠤᠰᠢᠭᠤᠨ ᠤ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠣᠯᠣᠰ ᠤᠨ ᠨᠡᠶᠢᠳᠡᠮ ᠬᠡᠷᠡᠭᠯᠡᠬᠡᠨ ᠤ ᠠᠭᠠᠷ ᠠᠶᠠᠯᠠᠯ ᠤᠨ ᠠᠩᠬᠠᠳᠠᠭᠴᠢ ᠪᠦᠯᠦᠭ ᠲᠠᠭᠤᠷᠢᠶᠠᠯ ᠢᠨᠵᠧᠨᠧᠷᠢᠩ ᠳᠤ ᠵᠢᠭᠰᠠᠭᠳᠠᠨ᠂ ᠪᠣᠷᠣᠪᠠᠯᠭᠠᠰᠦᠨ ᠤ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠡᠯ᠎ᠡ ᠲᠦᠷᠦᠯ ᠤᠨ ᠣᠷᠢᠳᠴᠢᠯᠠᠯ ᠭᠠᠷᠳᠠᠮ ᠣᠷᠣᠭᠰᠠᠳᠠᠢ ᠶᠠᠪᠣᠭᠳᠠᠵᠣ ᠪᠣᠢ᠃ ᠠᠮᠢ ᠠᠬᠤᠢ ᠶᠢᠨ ᠪᠠᠶᠢᠭᠤᠯᠣᠯᠳᠠ ᠣᠷᠣᠭᠰᠢᠳᠠᠢ ᠠᠬᠢᠪᠠ᠃ ᠬᠤᠲᠠ ᠪᠠᠯᠭᠠᠰᠣᠨ ᠤ ᠰᠢᠨ᠎ᠡ ᠨᠡᠮᠡᠭᠳᠡᠭᠰᠡᠨ ᠣᠶᠢᠵᠢᠭᠤᠯᠣᠯᠳᠠ ᠶᠢᠨ ᠲᠠᠯᠠᠪᠠᠢ 52 ᠲᠦᠮᠡᠨ ᠺᠦᠸᠠᠳ᠋ ᠮᠧᠲᠷ ᠬᠦᠷᠴᠤ᠂ ︽ᠣᠯᠣᠰ ᠤᠨ ᠴᠡᠴᠡᠷᠯᠢᠭᠵᠢᠬᠦᠯᠬᠡ ᠶᠢᠨ ᠰᠢᠶᠠᠨ ᠤ ᠬᠤᠲᠠ︾ ᠪᠣᠯᠬᠤ ᠪᠠᠷ ᠣᠷᠣᠨ ᠰᠠᠭᠤᠴᠠ ᠪᠦᠳᠦᠭᠡᠨ ᠪᠠᠶᠢᠭᠤᠯᠣᠯᠳᠠ ᠵᠢᠨ‌‍ᠶᠠᠮᠣᠨ‌‍ᠳᠤ ᠮᠡᠳᠡᠬᠦᠯᠣᠨ ᠬᠢᠨᠠᠨ ᠦᠨᠡᠯᠡᠬᠦᠯᠵᠣ ᠪᠤᠢ᠃ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠣᠯᠣᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠴᠢᠩᠭ᠎ᠠ ᠬᠡᠷᠡᠭᠵᠢᠭᠦᠯᠦᠨ᠂ ᠰᠦᠨᠢ ᠪᠠᠷ ᠲᠡᠯᠳᠠᠭᠤᠷ ᠪᠡᠯᠴᠢᠭᠡᠷᠯᠡᠭᠦᠯᠬᠦ ᠪᠠ ᠬᠠᠤᠯᠢ ᠪᠣᠰᠣ ᠪᠠᠷ ᠠᠳᠠᠷ ᠬᠠᠭᠠᠯᠪᠤᠷᠢᠯᠠᠬᠤ ᠦᠵᠡᠭᠳᠡᠯ ᠳᠤ ᠴᠢᠩᠭ᠎ᠠ ᠴᠣᠬᠢᠯᠳᠠ ᠦᠭᠴᠦ᠂ ︽ᠭᠤᠷᠪᠠᠨ ᠣᠮᠠᠷᠠᠳᠣ︾ ᠶᠢᠨ ᠮᠠᠭᠤᠳᠠᠭᠰᠠᠨ ᠣᠢ ᠶᠢᠨ ᠦᠬᠡᠷᠡᠴᠢᠯᠡᠯᠲᠡ᠂ ᠬᠦᠷᠦᠰᠦ ᠰᠢᠷᠣᠢ ᠶᠢᠨ ᠢᠳᠡᠭᠳᠡᠯ ᠤᠨ ᠵᠠᠰᠠᠯᠲᠠ ᠵᠡᠷᠬᠡ ᠠᠮᠢ ᠠᠬᠤᠢ ᠶᠢᠨ ᠲᠦᠷᠦᠯ ᠵᠦᠢᠯ ᠢ 28.3 ᠲᠦᠮᠡᠨ ᠮᠣ᠋ ᠬᠡᠷᠡᠭᠵᠢᠬᠦᠯᠵᠣ᠂ ᠨᠣᠲᠤᠭ ᠪᠡᠯᠴᠢᠬᠡᠷ ᠤᠨ ᠪᠠᠶᠢᠭᠤᠯᠣᠯᠲᠠ  ᠶᠢ 61.9 ᠲᠦᠮᠡᠨ ᠮᠣ᠋ ᠪᠡᠶᠡᠯᠡᠬᠦᠯᠣᠨ᠂ ᠣᠯᠣᠰ ᠤᠨ ᠭᠠᠵᠠᠷ ᠰᠢᠷᠣᠢ ᠶᠢ ᠤᠶᠢᠵᠢᠭᠤᠯᠬᠤ ᠠᠵᠢᠯᠯᠠᠭ᠎ᠠ ᠪᠠ ᠠᠯᠪᠠᠨ ᠵᠢᠷᠣᠮ ᠤᠨ ᠦᠢᠵᠢᠭᠤᠯᠣᠯᠲᠠ ᠶᠢ 9.1 ᠲᠦᠮᠡᠨ ᠮᠣ᠋ ᠪᠡᠶᠡᠯᠡᠬᠦᠯᠵᠣ᠂ ᠠᠮᠢ ᠠᠬᠤᠢ ᠶᠢᠨ ᠣᠷᠴᠢᠨ ᠢ ᠢᠯᠡᠳᠲᠡ ᠰᠠᠶᠢᠵᠢᠷᠠᠭᠤᠯᠪᠠ᠃         ︵ᠭᠤᠷᠪᠠ︶ ᠦᠭᠡᠷᠡᠴᠢᠯᠡᠯᠳᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠦᠭᠡᠷᠡᠴᠢᠯᠡᠯᠳᠡ ᠪᠦᠳᠦᠭᠡᠯᠳᠡ ᠨᠡᠭᠡᠭᠡᠯᠳᠡ ᠠᠴᠠ ᠦᠷ᠎ᠡ ᠠᠰᠢᠭ ᠬᠦᠳᠡᠯᠭᠡᠭᠴᠢ ᠬᠦᠴᠦᠨ ᠬᠦᠷᠳᠡᠵᠣ᠂ ᠲᠣᠭᠳᠠᠴᠠ ᠶᠢ ᠰᠢᠨᠡᠴᠢᠯᠡᠬᠦ ᠶᠢᠨ ᠬᠠᠮᠳᠦ ᠠᠭᠤᠰᠤᠯᠴᠠᠯ ᠬᠠᠮᠳᠣᠷᠠᠯᠴᠠᠯ ᠢ ᠴᠢᠩᠭᠠᠳᠬᠠᠨ᠂ ᠡᠯ᠎ᠡ ᠬᠦᠷᠢᠶ᠎ᠡ ᠴᠠᠷᠠᠭ᠎ᠠ ᠶᠢᠨ ᠦᠭᠡᠷᠡᠴᠢᠯᠡᠯᠳᠡ ᠶᠢ ᠵᠣᠬᠢᠴᠠᠩᠭᠤᠢ ᠠᠬᠢᠭᠤᠯᠪᠠ᠃ ᠭᠤᠣᠯᠳᠠᠯᠭᠠᠳᠦ ᠦᠭᠡᠷᠡᠴᠢᠯᠡᠯᠳᠡ  ᠡᠮᠬᠢᠳᠠᠢ ᠠᠬᠢᠪᠠ᠃ ᠪᠠᠷᠠᠭᠤᠨ ᠬᠤᠶᠢᠳᠣ ᠣᠷᠣᠨ ᠤ ᠠᠩᠬᠠᠳᠠᠭᠴᠢ ᠲᠦᠬᠦᠷ ᠰᠢᠶᠠᠨ ᠤ ᠳᠡᠰ ᠤᠨ ᠪᠠᠶᠢᠭᠠᠯᠢ ᠶᠢᠨ ᠡᠬᠢ ᠰᠣᠷᠪᠣᠯᠵᠢ ᠶᠢᠨ ᠬᠤᠷᠤᠭᠳᠠᠯ ᠤᠨ ᠬᠢᠨᠠᠯᠳᠠ ᠶᠢᠨ ᠰᠢᠰᠲ᠋ᠧᠮ ᠪᠠ ᠦᠨ᠎ᠡ ᠬᠠᠩᠰᠢ ᠶᠢᠨ ᠰᠢᠰᠲ᠋ᠧᠮ ᠢ ᠰᠣᠳᠣᠯᠣᠨ ᠨᠡᠭᠡᠭᠡᠵᠣ ᠬᠡᠷᠡᠭᠯᠡᠨ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠢᠨᠠᠨ ᠪᠣᠳᠣᠯᠲᠠ ᠶᠢᠨ ᠦᠷ᠎ᠡ ᠪᠦᠲᠦᠬᠡᠯ ᠣᠯᠣᠰ ᠤᠨ ᠬᠢᠨᠠᠨ ᠪᠣᠳᠣᠬᠤ ᠵᠠᠬᠢᠷᠭ᠎ᠠ ᠳᠤ ᠮᠡᠳᠡᠷᠡᠭᠳᠡᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠬᠦ ᠬᠤᠲᠠ ᠳᠠᠭᠠᠨ ᠡᠩ ᠲᠡᠷᠢᠬᠦᠨ ᠳᠤ ︽ᠨᠢᠭᠡ ᠦᠷᠳᠡᠬᠡᠴᠢᠯᠡᠨ︾ ᠬᠦᠯᠢᠶᠡᠨ ᠬᠦᠢᠴᠡᠳᠬᠡᠬᠦ ᠪᠤᠯᠤᠨ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠵᠠᠭᠪᠣᠷ ᠢ ᠭᠡᠷᠡᠭᠵᠢᠬᠦᠯᠪᠡ᠃ ᠢᠷᠭᠠᠢ ᠬᠤᠲᠠ ᠯᠤᠭ᠎ᠠ ᠶᠢᠨ ᠰᠣᠷᠭᠠᠨ ᠬᠦᠮᠦᠵᠢᠯ᠂ ᠡᠮ ᠡᠮᠨᠡᠯᠬᠡ᠂ ᠵᠢᠭᠤᠯᠴᠢᠯᠠᠯ᠂ ᠢᠨᠲ᠋ᠧᠷ ᠰᠦᠯᠵᠢᠶ᠎ᠡ+ ᠵᠡᠷᠬᠡ ᠲᠠᠯ᠎ᠠ ᠪᠠᠷ ᠬᠢ ᠬᠠᠮᠲᠣᠷᠠᠯᠴᠭ᠎ᠠ ᠪᠠᠨ ᠲᠠᠰᠣᠷᠠᠯᠲᠠ ᠦᠬᠡᠢ ᠬᠦᠨᠵᠡᠬᠡᠶᠢᠷᠡᠬᠦᠯᠵᠣ᠂ 7 ᠬᠦᠷᠢᠶ᠎ᠡ ᠴᠠᠷᠠᠭ᠎ᠠ ᠳᠠᠬᠢ ᠰᠣᠯᠢᠯᠴᠠᠭ᠎ᠠ ᠬᠠᠮᠳᠣᠷᠠᠯᠴᠠᠭ᠎ᠠ ᠶᠢᠨ ᠬᠡᠯᠡᠯᠴᠡᠭᠡᠷ ᠲᠣᠭᠳᠠᠭᠠᠵᠣ᠂ ᠲᠠᠪᠠᠭᠤᠯᠢᠭ ᠡᠬᠢ ᠰᠣᠷᠪᠣᠯᠵᠢ ᠪᠠᠨ ᠬᠠᠮᠳᠦ ᠡᠳ᠋ᠯᠡᠨ᠂ ᠠᠵᠣ ᠠᠬᠤᠢ ᠪᠠᠨ ᠵᠣᠬᠢᠴᠠᠭᠤᠯᠣᠨ ᠬᠦᠭᠵᠢᠭᠦᠯᠬᠦ ᠶᠢ ᠪᠡᠶᠡᠯᠡᠭᠦᠯᠪᠡ᠃ ᠠᠯᠠᠰᠢᠨ ᠮᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠡᠬᠢ ᠶᠢ ᠬᠡᠳᠡᠷᠬᠦ ᠨᠡᠬᠡᠮᠵᠢᠯᠡᠬᠦ ᠰᠢᠰᠲ᠋ᠧᠮ᠂ ᠭᠠᠵᠠᠷ ᠲᠣᠣᠷᠠᠬᠢ ᠣᠰᠣᠨ ᠤ ︽ᠶᠡᠷᠣᠩᠬᠡᠢ ᠬᠡᠮᠵᠢᠶ᠎ᠡ ᠶᠢ ᠬᠢᠵᠠᠭᠠᠷᠯᠠᠵᠤ᠂ ᠨᠣᠷᠮᠠᠴᠢᠯᠠᠨ ᠬᠠᠮᠢᠶᠠᠷᠬᠤ︾ ᠵᠡᠷᠬᠡ‌ᠦᠬᠡᠷᠡᠴᠢᠯᠡᠯᠲᠡ ᠪᠦᠬᠦ ᠬᠤᠲᠠ ᠶᠢᠨ ᠲᠡᠷᠢᠬᠦᠨ ᠤ ᠡᠩᠨᠡᠬᠡᠨ ᠳᠤ ᠣᠷᠣᠵᠣ᠂ ᠮᠠᠯᠵᠢᠬᠤ ᠲᠠᠷᠢᠶᠠᠯᠠᠬᠤ ᠣᠷᠣᠨ ᠤ ᠨᠣᠲᠤᠭ ᠪᠡᠯᠴᠢᠬᠡᠷ ᠤᠨ ︽ᠭᠤᠷᠪᠠᠨ ᠡᠷᠬᠡ ᠶᠢᠨ ᠲᠣᠰᠭᠠᠷᠯᠠᠯ︾ ᠣᠯᠣᠰ ᠤᠨ ᠲᠣᠳᠣᠭᠠᠳᠣ ᠶᠢᠨ ᠠᠳᠠᠯᠢ ᠲᠦᠷᠣᠯ ᠤᠨ ᠲᠡᠷᠢᠬᠦᠨ ᠤ ᠲᠦᠪᠰᠢᠨ ᠳᠤ ᠬᠦᠷᠪᠡ᠃ ᠰᠢᠨᠡᠴᠢᠯᠡᠯᠳᠡ ᠪᠠᠷ ᠬᠦᠳᠡᠯᠭᠡᠭᠦᠷ ᠬᠢᠵᠣ ᠭᠠᠪᠰᠢᠭᠠᠶᠢᠯᠠᠨ ᠬᠡᠷᠡᠭᠵᠢᠭᠦᠯᠪᠡ᠃ ︽ᠲᠠᠶᠠᠭᠠᠷ ᠣᠯᠠᠨ ᠤ ᠣᠶᠢᠯᠠᠰ ᠪᠦᠳᠦᠭᠡᠯᠳᠠ᠂ ᠲᠦᠮᠡᠨ ᠣᠯᠠᠨ ᠤ ᠰᠢᠨ᠎ᠡ ᠶᠢ ᠡᠭᠦᠳᠦᠯᠳᠠ︾ ᠬᠦᠨᠵᠡᠭᠡᠢ ᠠᠬᠢᠵᠣ᠂ ᠵᠠᠬ᠎ᠠ ᠲᠡᠯᠭᠡᠭᠦᠷ ᠤᠨ ᠬᠤᠪᠢ ᠡᠷᠦᠬᠡ 1285 ᠪᠤᠯᠪᠠ᠃ ᠪᠦᠬᠦ ᠬᠤᠰᠢᠭᠤᠨ ᠤ ᠰᠢᠨᠵᠢᠯᠡᠭᠡ ᠮᠡᠷᠭᠡᠵᠢᠯ ᠤᠨ ᠰᠢᠨᠡᠴᠢᠯᠡᠯᠳᠡ ᠶᠢᠨ ᠶᠡᠭᠡ ᠬᠤᠷᠠᠯ ᠢ ᠬᠤᠷᠠᠯᠳᠣᠭᠤᠯᠵᠣ᠂ 5 ᠨᠢᠬᠡᠴᠡ᠂ 47 ᠲᠡᠷᠢᠬᠦᠨ ᠤ ᠬᠤᠪᠢ ᠬᠦᠮᠣᠨ ᠢ ᠱᠠᠩᠨᠠᠨ ᠬᠦᠬᠢᠭᠦᠯᠪᠡ᠃ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠤᠨ ︽ᠬᠤᠣᠰ ᠪᠦᠳᠦᠭᠡᠯᠳᠡ︾ ᠶᠢᠨ ᠲᠠᠭᠤᠷᠢᠶᠠᠯ ᠰᠠᠭᠤᠷᠢᠨ ᠢ ᠴᠣᠭᠴᠠᠯᠠᠵᠣ᠂ 116 ᠠᠵᠣ ᠠᠬᠤᠶᠢᠯᠠᠯ ᠢ ᠣᠷᠢᠨ ᠠᠪᠴᠢᠷᠠᠵᠣ᠂ 700 ᠭᠠᠷᠣᠢ ᠬᠦᠮᠦᠨ ᠳᠤ ᠠᠵᠢᠯ ᠣᠯᠭᠤᠨ᠂ ᠤᠳᠤᠭ ᠤᠨ ᠡᠮᠤᠨᠡᠳᠤ ᠬᠤᠰᠢᠭᠤᠨ ᠤ ᠵᠢᠸ᠎ᠠ ᠮᠠᠯᠴᠢᠨ ᠳᠠᠷᠢᠶᠠᠴᠢᠤᠨ ᠤᠨ ᠰᠤᠷᠠᠭ ᠵᠠᠩᠬᠢ ᠶᠢᠨ ᠳᠠᠪᠴᠠᠩ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠪᠦᠯᠦᠭ ︽ᠲᠦᠮᠡᠨ ᠤ ᠪᠦᠳᠤᠬᠡᠯᠴᠢ ᠤᠷᠤᠨ ᠵᠠᠢ︾ ᠶᠢᠨ ᠳᠤᠷᠰᠢᠯᠳᠠ ᠶᠢᠨ ᠨᠢᠬᠡᠴᠠ ᠪᠠᠷ ᠰᠤᠩᠭᠤᠭᠳᠠᠪᠠ᠃ 28 ᠲᠦᠷᠣᠯ ᠤᠨ ᠰᠢᠨ᠎ᠡ‌ᠡᠭᠦᠳᠦᠯᠳᠠ ᠣᠷᠳᠣᠰ ᠤᠨ ᠰᠢᠨ᠎ᠡ ᠶᠢ ᠡᠬᠦᠳᠣᠨ ᠦᠢᠯᠡᠰ ᠪᠣᠰᠬᠠᠭᠰᠠᠨ ᠦᠷ᠎ᠡ ᠪᠦᠲᠣᠭᠡᠯ ᠤᠨ ᠦᠵᠡᠬᠦᠯᠣᠬᠡ ᠳᠤ ᠤᠷᠤᠯᠴᠠᠨ᠂ 58 ᠲᠦᠷᠤᠯ ᠤᠨ ᠮᠠᠯ ᠳᠠᠷᠢᠶᠠᠯᠠᠩ ᠤᠨ ᠮᠡᠷᠬᠡᠵᠢᠯ ᠤᠨ ᠨᠡᠬᠡᠬᠡᠯᠳᠠ ᠤᠯᠤᠰ ᠤᠨ ᠳᠤᠰᠬᠠᠢ ᠠᠰᠢᠭ ᠤᠨ ᠡᠷᠬᠡ ᠶᠢ ᠬᠦᠷᠳᠡᠵᠤ᠂ ᠰᠢᠨᠵᠢᠯᠡᠭᠡ ᠮᠡᠷᠬᠡᠵᠢᠯ ᠤᠨ ᠮᠠᠯ ᠳᠠᠷᠢᠶᠠᠯᠠᠩ ᠤᠨ ᠤᠶᠢᠯᠡᠰ ᠲᠠᠬᠢ ᠵᠢᠤᠨᠬᠦᠯ ᠤᠨ ᠨᠤᠷᠮ᠎ᠠ ᠶᠢ 70% ᠬᠦᠷᠬᠡᠨ᠂ ᠪᠦᠬᠦ ᠤᠯᠤᠰ ᠤᠨ ᠠᠩᠬᠠᠳᠠᠭᠴᠢ ᠪᠦᠯᠦᠭ ᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠤᠯᠳᠠ ᠶᠢᠨ ᠳᠠᠭᠤᠷᠢᠶᠠᠯ ᠬᠤᠰᠢᠭᠤ ᠶᠢ ᠪᠦᠳᠤᠮᠵᠢᠳᠠᠢ ᠴᠤᠭᠴᠠᠯᠠᠪᠠ᠃ ᠠᠷᠠᠯᠵᠢᠶᠠᠴᠢᠨ ᠤᠷᠢᠵᠤ ᠪᠡᠯᠡ ᠳᠠᠳᠠᠬᠤ ᠪᠦᠳᠤᠮᠵᠢ ᠢᠯᠡᠷᠬᠡᠢ ᠳᠡᠬᠡᠭᠰᠢᠯᠡᠪᠠ᠃ ᠠᠷᠠᠯᠵᠢᠶᠠᠴᠢᠨ ᠤᠷᠢᠵᠤ ᠪᠡᠯᠡ ᠳᠠᠳᠠᠬᠤ ᠠᠵᠢᠯ ᠤᠨ ᠲᠦᠰᠤᠯ ᠳᠤᠭᠳᠠᠭᠠᠨ᠂ ᠬᠤᠰᠢᠭᠤ ᠳᠠᠶᠠᠭᠠᠷ ᠠᠷᠠᠯᠵᠢᠶᠠᠴᠢᠨ ᠤᠷᠢᠬᠤ ᠠᠵᠢᠯ ᠤᠨ ᠳᠤᠭᠳᠠᠴᠠ ᠶᠢ ᠪᠦᠷᠢᠯᠳᠤᠬᠦᠯᠵᠤ᠂ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠳᠠᠳᠠᠬᠤ ᠶᠡᠭᠡ ᠬᠤᠷᠠᠯ ᠳᠡᠬᠡᠷ᠎ᠠ ᠶᠡᠷᠥᠩᠭᠡᠢ ᠪᠡᠯᠡ ᠤᠷᠤᠭᠤᠯᠤᠯᠳᠠ ᠨᠢ 192 ᠳ᠋ᠦᠩᠰᠢᠭᠤᠷ ᠲᠦᠬᠦᠷᠢᠭ ᠤᠨ 8 ᠲᠦᠷᠤᠯ ᠵᠦᠢᠯ ᠢ ᠪᠦᠳᠤᠮᠵᠢᠳᠠᠢ ᠬᠡᠷ᠎ᠠ ᠳᠤᠭᠳᠠᠭᠠᠵᠤ ᠪᠦᠬᠦᠳᠠ ᠶᠢ ᠠᠵᠢᠯ ᠡᠬᠢᠯᠡᠭᠦᠯᠥᠭᠡᠳ᠂ ᠡᠳᠥᠭᠡ ᠨᠢᠭᠡᠨᠳᠡ 12 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠤᠭᠠᠳ ᠪᠠᠶᠢᠨ᠎ᠠ᠃          ︵ᠲᠦᠷᠪᠠ︶ ᠨᠠᠶᠢᠬᠡᠮ ᠠᠷᠠᠤᠨ ᠤᠨ ᠠᠮᠢᠳᠤᠷᠠᠯ ᠢ ᠦᠷᠬᠦᠯᠵᠢᠯᠡᠨ ᠰᠠᠶᠢᠵᠢᠷᠠᠭᠤᠯᠪᠠ᠃  ᠬᠦᠭᠵᠢᠯᠳᠠ ᠶᠢᠨ ᠪᠦᠳᠤᠮᠵᠢ ᠶᠢ ᠬᠠᠮᠳᠤ ᠪᠠᠷ ᠡᠳ᠋ᠯᠡᠬᠦ ᠶᠢ ᠪᠠᠷᠢᠮᠳᠠᠯᠠᠵᠤ᠂ ᠠᠵᠤ ᠠᠬᠤᠢ ᠶᠢᠨ ᠶᠡᠷᠤᠩᠬᠡᠢ ᠬᠡᠮᠵᠢᠶ᠎ᠡ ᠶᠢ ᠶᠡᠬᠡᠤᠨᠬᠡᠬᠦ ᠶᠢᠨ ᠬᠠᠮᠳᠤ ᠠᠷᠠᠤᠨ ᠲᠦᠮᠡᠨ ᠤ ᠵᠤᠯ ᠵᠢᠷᠭᠠᠯ ᠢ ᠨᠡᠮᠡᠭᠳᠡᠬᠦᠯᠤᠨ᠂ ᠪᠦᠬᠦ ᠵᠢᠯ ᠳᠤ ᠠᠷᠠᠤᠨ  ᠤᠨ ᠠᠮᠢᠳᠤᠷᠠᠯ ᠤᠨ ᠤᠶᠢᠯᠡᠰ ᠲᠤ 22.5 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠶᠢᠨ 75% ᠠᠴᠠ ᠳᠠᠪᠠᠪᠠ᠃ ᠨᠠᠶᠢᠳᠠ ᠶᠢᠨ ᠤᠶᠢᠯᠡᠴᠢᠯᠡᠭᠡ ᠪᠦᠳᠤᠮᠵᠢᠳᠠᠢ ᠳᠡᠬᠡᠭᠰᠢᠯᠡᠪᠠ᠃ ᠬᠤᠳᠠ ᠪᠠᠯᠭᠠᠰᠤᠨ ᠳᠤ ᠰᠢᠨ᠎ᠠ ᠪᠠᠷ 973 ᠬᠦᠮᠤᠨ ᠳᠤ ᠠᠵᠢᠯ ᠤᠯᠭᠤᠨ᠂ ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ ᠬᠤᠲᠠ ᠶᠢᠨ ᠲᠣᠭᠲᠠᠭᠠᠭᠰᠠᠨ ᠬᠠᠷᠠᠯᠲᠠ ᠠᠴᠠ 0.81 ᠵᠠᠭᠤᠨ ᠤ ᠬᠤᠪᠢ ᠪᠠᠭᠤᠷᠠᠪᠠ᠃ ᠶᠡᠭᠡ ᠳᠤᠬᠤᠢ ᠵᠡᠷᠬᠡ ᠭᠤᠷᠪᠠᠨ ᠰᠠᠭᠤᠷᠢ ᠬᠡᠤᠬᠡᠤᠨ ᠤᠨ ᠴᠡᠴᠡᠷᠯᠢᠭ᠂  ᠪᠤᠷᠤᠪᠠᠯᠭᠠᠰᠤ ᠭᠤᠤᠯᠳᠠᠯᠭᠠᠳᠤ ᠡᠷᠡᠬᠦᠯ ᠬᠠᠮᠠᠭᠠᠯᠠᠯ ᠤᠨ ᠬᠤᠷᠢᠶ᠎ᠠ ᠪᠠ 34 ᠭᠠᠴᠠᠭ᠎ᠠ ᠳᠤᠰᠬᠤᠨ  ᠤ ᠰᠤᠶᠤᠯ ᠤᠨ ᠬᠡᠷ ᠬᠢᠬᠡᠤᠨ 200 ᠮᠠᠯᠴᠢᠨ ᠳᠠᠷᠢᠶᠠᠴᠢᠨ ᠡᠷᠤᠬᠡ ᠶᠢᠨ ᠨᠤᠮ ᠤᠨ ᠦᠷᠤᠬᠡ ᠵᠡᠷᠬᠡ ᠨᠢᠬᠡ ᠪᠦᠯᠦᠭ ᠰᠠᠭᠤᠷᠢ ᠤᠶᠢᠯᠡᠴᠢᠯᠡᠬᠡᠨ ᠤ ᠲᠦᠬᠦᠬᠡᠷᠤᠮᠵᠢ‌ᠠᠰᠢᠭᠯᠠᠯᠲᠠ ᠳᠤ ᠣᠷᠣᠵᠣ᠂ ᠮᠠᠯᠵᠢᠬᠤ ᠲᠠᠷᠢᠶᠠᠯᠠᠬᠤ ᠣᠷᠣᠨ ᠤ ᠡᠷᠡᠬᠦᠯ ᠮᠡᠨᠳᠣ ᠶᠢᠨ ︽ᠡᠮ ᠤᠨ ᠬᠠᠶᠢᠷᠴᠠᠭ︾ ᠤᠨ ᠪᠦᠬᠦ ᠪᠦᠷᠬᠦᠴᠠ ᠶᠢ ᠪᠡᠶᠡᠯᠡᠬᠦᠯᠪᠡ︔ ᠠᠷᠠᠤᠨ ᠤᠨ ᠠᠮᠢᠳᠤᠷᠠᠯ ᠤᠨ ᠪᠠᠳᠤᠯᠠᠭ᠎ᠠ ᠶᠢ ᠦᠷᠬᠦᠯᠵᠢᠯᠡᠨ ᠶᠡᠬᠡᠤᠨᠬᠡᠪᠠ᠃ ᠬᠤᠰᠢᠭᠤᠨ ᠤ ᠳᠡᠰ ᠤᠨ ᠠᠷᠠᠤᠨ ᠢ ᠬᠠᠷᠠᠭᠠᠯᠵᠠᠬᠤ 6 ᠪᠤᠳᠠᠳᠤ ᠤᠴᠢᠷ ᠢ ᠪᠦᠬᠦᠨ ᠢ ᠪᠤᠳᠠᠳᠠᠶᠢᠵᠢᠭᠤᠯᠪᠠ᠃ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠪᠠᠨ ᠪᠦᠬᠦ ᠬᠤᠲᠠ ᠳᠠᠭᠠᠨ ᠡᠩ ᠲᠡᠷᠢᠬᠦᠨ ᠳᠤ ᠪᠡᠶᠡᠯᠡᠬᠦᠯᠵᠣ᠂ ᠡᠯ᠎ᠡ ᠲᠦᠷᠤᠯ ᠤᠨ ᠶᠠᠳᠠᠭᠤ ᠶᠢ ᠳᠡᠤᠨᠬᠦᠬᠦ ᠪᠡᠯᠡ ᠮᠦᠩᠬᠦ ᠶᠢ 1.08 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠶᠠᠳᠠᠭᠤ ᠬᠦᠴᠢᠷᠳᠡᠯ ᠤᠨ ᠨᠣᠷᠮ᠎ᠠ ᠵᠢᠯ ᠤᠨ ᠡᠬᠢᠨ ᠤ 6.7% ᠠᠴᠠ ᠪᠠᠭᠤᠷᠠᠭᠠᠳ 0.25% ᠪᠣᠯᠪᠠ︔ ᠪᠦᠬᠦ ᠬᠤᠲᠠ ᠳᠠᠭᠠᠨ ᠡᠩ ᠲᠡᠷᠢᠬᠦᠨ ᠳᠤ ᠬᠤᠲᠠ ᠬᠦᠳᠡᠭᠡ ᠶᠢᠨ ᠨᠢᠬᠡᠳᠣᠯᠲᠠᠢ ᠡᠮ ᠡᠮᠨᠡᠯᠬᠡ ᠶᠢᠨ ᠲᠠᠭᠠᠳᠬᠠᠯ  ᠤᠨ ᠲᠦᠷᠢᠮ ᠢ ᠬᠡᠷᠡᠭᠵᠢᠬᠦᠯᠵᠤ᠂ 1603.5 ᠲᠦᠮᠡᠨ ᠲᠦᠬᠦᠷᠢᠭ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠮᠦᠩᠬᠦ ᠳᠠᠯᠪᠢᠪᠠ᠃ 2450 ᠲᠦᠬᠦᠷ ᠪᠠᠲᠣᠯᠠᠭ᠎ᠠ ᠶᠢᠨ ᠣᠷᠣᠨ ᠰᠠᠭᠤᠴᠠ ᠪᠠᠶᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ 5300 ᠡᠷᠣᠬᠡ ᠶᠢᠨ ᠨᠣᠷᠠᠬᠤ ᠠᠶᠣᠯᠲᠠᠢ ᠭᠡᠷ ᠪᠠᠶᠢᠰᠢᠩ᠂ ᠬᠤᠲᠠ ᠪᠠᠯᠭᠠᠰᠣᠨ ᠤ 513 ᠡᠷᠣᠬᠡ ᠶᠢᠨ ᠬᠠᠭᠤᠴᠢᠨ ᠭᠡᠷ ᠪᠠᠶᠢᠰᠢᠩ ᠢ ᠰᠢᠨᠡᠳᠬᠡᠪᠡ︔ ᠨᠠᠶᠢᠬᠡᠮ ᠤᠨ ᠵᠠᠰᠠᠯᠳᠠ ᠶᠢ ᠯᠠᠪᠳᠠᠭᠤᠨ ᠪᠠᠳᠤᠳᠠᠢ ᠠᠬᠢᠭᠤᠯᠪᠠ᠃ ᠮᠠᠨ ᠤ ᠬᠤᠰᠢᠭᠤ ᠪᠦᠬᠦ ᠣᠯᠣᠰ ᠤᠨ ᠠᠩᠬᠠᠳᠠᠭᠴᠢ ᠪᠦᠯᠦᠭ ᠨᠠᠶᠢᠭᠡᠮ ᠤᠨ ᠵᠠᠰᠠᠯᠳᠠ ᠶᠢᠨ ᠰᠢᠨᠡᠴᠢᠯᠡᠯᠲᠡ ᠶᠢᠨ ᠰᠢᠯᠢᠳᠡᠭ ᠭᠠᠵᠠᠷ ᠣᠷᠣᠨ ᠢᠶᠠᠷ ᠴᠣᠯᠠᠯᠠᠭᠳᠠᠵᠣ᠂ ᠪᠦᠬᠦ ᠬᠤᠲᠠ ᠶᠢᠨ ᠠᠶᠣᠯᠬᠦᠢ ᠦᠢᠯᠡᠳᠪᠣᠷᠢᠯᠡᠯ ᠤᠨ ᠲᠡᠷᠢᠬᠦᠨ ᠤ ᠬᠤᠰᠢᠭᠤ ᠪᠠᠷ ᠦᠨᠡᠯᠡᠭᠳᠡᠨ᠂ ︽ᠢᠨᠲ᠋ᠧᠷ ᠰᠦᠯᠵᠢᠶ᠎ᠠ + ᠵᠠᠬᠢᠳᠠᠯ ᠰᠤᠷᠪᠤᠯᠵᠢᠯᠠᠭ᠎ᠠ︾ ᠶᠢ ᠪᠦᠬᠦ ᠤᠯᠤᠰ ᠤᠨ ᠰᠦᠯᠵᠢᠶᠡᠨ ᠳᠡᠬᠡᠷᠠᠬᠢ ᠵᠠᠬᠢᠳᠠᠯ ᠰᠤᠷᠪᠤᠯᠵᠢᠯᠠᠭ᠎ᠠ ᠶᠢᠨ ᠦᠨᠳᠤᠰᠤᠨ ᠱᠠᠳᠤᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭᠯᠡᠬᠡᠨ ᠤ ᠠᠵᠢᠯ ᠤᠨ ᠵᠢᠱᠢᠶᠠᠴᠢ ᠪᠤᠯᠭᠠᠵᠤ᠂ ︽ᠠᠮᠣᠷ ᠠᠮᠣᠭᠤᠯᠠᠩ ᠡᠮᠣᠨᠡᠲᠣ ᠣᠲᠤᠭ︾  ᠂ ︽ᠲᠡᠭᠷᠢ ᠶᠢᠨ ᠲᠣᠣᠷ︾ ᠤᠨ ᠭᠤᠷᠪᠠᠳᠣᠭᠠᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠣ᠂ ᠦᠪᠡᠷᠳᠡᠬᠡᠨ ᠵᠠᠰᠠᠬᠤ ᠤᠷᠤᠨ ᠤ ᠳᠤᠭ᠎ᠠ ᠪᠦᠷᠢᠤᠨᠬᠡᠯ ᠤᠨ ᠳᠤᠪᠴᠢᠶ᠎ᠠ ᠶᠢᠨ ᠠᠷᠠᠤᠨ ᠤᠨ ᠪᠠᠶᠢᠴᠠᠭᠠᠯᠳᠠ ᠶᠢᠨ ᠲᠦᠪ ᠤᠨ ᠪᠠᠶᠢᠴᠠᠭᠠᠯᠳᠠ ᠳᠤ ᠮᠠᠨ ᠤ ᠬᠤᠰᠢᠭᠤᠨ ᠤ ᠨᠠᠶᠢᠬᠡᠮ ᠤᠨ ᠠᠮᠤᠷ ᠳᠤᠭᠳᠠᠭᠤᠨ ᠤ ᠬᠠᠨᠤᠮᠵᠢ ᠪᠠ ᠠᠮᠣᠷ ᠲᠦᠪᠰᠢᠨ ᠤ ᠪᠠᠶᠢᠳᠠᠯ 100% ᠪᠠᠷ ᠦᠨᠡᠯᠡᠭᠳᠡᠪᠠ᠃       2016 ᠤᠨ ᠳᠤ᠂ ᠮᠠᠨ ᠤ ᠬᠤᠰᠢᠭᠤ ᠭᠤᠤᠯ ᠠᠵᠤ ᠠᠬᠤᠢ ᠶᠢᠨ ᠵᠢᠭᠠᠯᠳᠠ ᠳᠤᠭ᠎ᠠ ᠪᠠᠨ ᠴᠦᠮ ᠳᠠᠪᠠᠭᠤᠯᠤᠨ ᠪᠡᠶᠡᠯᠡᠬᠦᠯᠵᠤ᠂ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠵᠢᠬᠦᠯᠬᠡ ᠶᠢᠨ ᠬᠡᠷᠡᠭᠵᠢᠬᠦᠯᠤᠯᠳᠠ ᠶᠢᠨ ᠪᠠᠶᠢᠳᠠᠯ ᠶᠡᠷᠤᠩᠬᠡᠢ ᠳᠡᠭᠡᠨ ᠰᠠᠶᠢᠨ ᠶᠠᠪᠤᠭᠳᠠᠪᠠ᠃ ᠭᠡᠪᠡᠴᠦ ᠠᠵᠣ ᠠᠬᠤᠢ ᠶᠢᠨ ᠡᠷᠬᠢᠯᠳᠠ ᠳᠤ ᠮᠦᠨ ᠯᠡ ᠬᠦᠴᠢᠷ ᠪᠡᠷᠬᠡ ᠪᠣᠯᠣᠨ ᠦᠷᠢᠰᠦᠯᠳᠦᠭᠡᠨ ᠲᠣᠯᠭᠠᠷᠠᠵᠣ ᠪᠣᠢ᠃ ᠭᠤᠣᠯᠳᠠᠭᠤ᠄ ᠠᠵᠣ ᠠᠬᠤᠢ ᠶᠢᠨ ᠶᠡᠷᠦᠩᠬᠡᠢ ᠬᠡᠮᠵᠢᠶ᠎ᠠ ᠪᠠᠭ᠎ᠠ᠂ ᠬᠦᠭᠵᠢᠯᠳᠠ ᠭᠦᠢᠴᠡᠳ ᠪᠣᠰᠣ᠂ ᠠᠵᠣ ᠣᠶᠢᠯᠠᠰ ᠤᠨ ᠲᠣᠯᠭᠠᠭᠤᠷᠢᠯᠠᠯ ᠲᠣᠷᠣᠢ ᠵᠡᠷᠬᠡ ᠨᠢ ᠪᠠᠰᠠ ᠴᠤ ᠬᠠᠮᠤᠭ ᠪᠤᠳᠠᠳᠠᠢ ᠬᠠᠮᠤᠭ ᠦᠨᠳᠤᠰᠤᠨ ᠬᠤᠰᠢᠭᠤᠨ  ᠤ ᠪᠠᠶᠢᠳᠠᠯ ᠪᠤᠯᠤᠨ᠎ᠠ︔ ᠠᠵᠤ ᠤᠶᠢᠯᠡᠰ ᠤᠨ ᠲᠦᠷᠤᠯ ᠵᠦᠢᠯ ᠬᠤᠷᠸ᠎ᠠ ᠠᠵᠤ ᠠᠬᠤᠢ ᠶᠢᠨ ᠳᠤᠬᠢᠷᠠᠭᠤᠯᠤᠯᠳᠠ ᠶᠢᠨ ᠨᠦᠯᠤᠬᠡ ᠬᠦᠷᠳᠡᠵᠤ᠂ ᠠᠵᠤ ᠠᠬᠤᠢ ᠶᠢ ᠳᠠᠶᠢᠴᠢᠯᠠᠨ ᠬᠦᠭᠵᠢᠬᠦᠯᠬᠦ ᠡᠷᠴᠢ ᠬᠦᠴᠤᠨ ᠮᠦᠨ ᠢᠯᠡᠷᠬᠡᠢ ᠪᠤᠰᠤ ᠪᠤᠢ᠃ ᠬᠦᠬᠡᠬᠤᠲᠠ ᠪᠣᠭᠤᠲᠣ ᠣᠷᠳᠣᠰ ᠪᠣᠯᠣᠨ ᠢᠷᠭᠠᠢ ᠶᠢᠨ ᠠᠵᠣ ᠠᠬᠤᠢ ᠶᠢᠨ ᠲᠣᠭᠤᠷᠢᠭ  ᠯᠤᠭ᠎ᠠ ᠶᠢᠨ ᠠᠭᠤᠰᠣᠯᠴᠠᠯ ᠬᠠᠷᠬᠠᠨ ᠨᠡᠩ ᠣᠯᠠᠨ ᠪᠣᠳᠠᠲᠣ ᠦᠷ᠎ᠡ ᠪᠦᠲᠤᠮᠵᠢ ᠣᠯᠣᠭᠠᠳᠣᠢ ᠪᠣᠢ᠃ ᠡᠳᠡᠭᠡᠷ ᠬᠦᠴᠢᠷᠳᠠᠯ ᠪᠠ ᠠᠰᠠᠭᠤᠳᠠᠯ ᠳᠤ ᠪᠢᠲᠠ ᠵᠦᠪ ᠬᠠᠨᠳᠣᠵᠣ᠂ ᠵᠣᠷᠢᠭᠲᠠᠢ ᠡᠬᠦᠷᠬᠡᠯᠡᠨ᠂ ᠬᠢᠨᠠᠮᠠᠭᠠᠢ ᠰᠢᠢᠳᠪᠣᠷᠢᠯᠡᠵᠣ᠂ ᠳᠠᠷᠬᠠᠨ ᠬᠠᠷᠢᠭᠤᠴᠠᠯᠭ᠎ᠠ ᠪᠠᠨ ᠭᠤᠲᠣᠭᠠᠬᠤ ᠦᠬᠡᠢ᠂ ᠬᠦᠨᠳᠣ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠮᠠᠷᠠᠶᠢᠪᠠᠯ ᠵᠤᠬᠢᠨ᠎ᠠ  ᠃        ᠬᠤᠶᠠᠷ᠂ 2017 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠠ ᠭᠤᠤᠯ ᠡᠬᠦᠷᠬᠡ        ᠬᠤᠷᠸ᠎ᠠ ᠤᠷᠴᠢᠨ ᠳᠤ ᠵᠤᠬᠢᠴᠠᠭᠤᠯᠤᠨ ᠶᠡᠷᠤᠩᠬᠡᠶᠢᠯᠡᠨ ᠪᠤᠳᠤᠯᠬᠢᠯᠠᠭᠠᠤᠨ᠂ 2017 ᠤᠨ ᠤ ᠪᠦᠬᠦ ᠬᠤᠰᠢᠭᠤᠨ ᠤ ᠤᠯᠤᠰ ᠠᠷᠠᠤᠨ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠶᠢ ᠲᠣᠭᠳᠠᠭᠠᠪᠠ᠃—— ᠪᠦᠬᠦ ᠬᠤᠰᠢᠭᠤᠨ ᠤ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 149 ᠳ᠋ᠦᠩᠰᠢᠭᠤᠷ ᠲᠦᠬᠦᠷᠢᠭ ᠬᠦᠷᠬᠡᠵᠤ᠂ 9% ᠦᠰᠬᠡᠨ᠎ᠠ —— ᠪᠦᠬᠦ ᠨᠠᠶᠢᠬᠡᠮ ᠤᠨ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 302 ᠳ᠋ᠦᠩᠰᠢᠭᠤᠷ ᠲᠦᠬᠦᠷᠢᠭ ᠬᠦᠷᠬᠡᠵᠤ᠂ 13% ᠦᠰᠬᠡᠨ᠎ᠠ︔—— ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 19.5 ᠳ᠋ᠦᠩᠰᠢᠭᠤᠷ ᠲᠦᠬᠦᠷᠢᠭ ᠬᠦᠷᠬᠡᠵᠤ᠂ 8% ᠦᠰᠬᠡᠨ᠎ᠠ︔ —— ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 25 ᠳ᠋ᠥᠩᠰᠢᠭᠤᠷ ᠲᠥᠭᠦᠷᠢᠭ ᠭᠥᠷᠭᠡᠵᠥ᠂ 10% ᠥᠰᠭᠡᠨ᠎ᠡ︔—— ᠬᠤᠳᠠ ᠪᠠᠯᠭᠠᠰᠣ ᠶᠢᠨ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 41575 ᠲᠦᠬᠦᠷᠢᠭ ᠭᠥᠷᠭᠡᠵᠥ᠂ 8.5% ᠦᠰᠬᠡᠨ᠎ᠠ︔—— ᠮᠠᠯᠵᠢᠬᠤ ᠳᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 17007 ᠲᠦᠬᠦᠷᠢᠭ ᠬᠦᠷᠬᠡᠵᠤ᠂ 9% ᠦᠰᠬᠡᠨ᠎ᠠ᠃         2017 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠦᠯᠦᠪᠵᠢᠭᠦᠯᠭᠡ ᠶᠢᠨ ᠬᠡᠷᠡᠭᠵᠢᠭᠦᠯᠦᠯᠳᠡ ᠶᠢᠨ ᠴᠢᠬᠤᠯᠠ ᠨᠢᠭᠡᠨ ᠵᠢᠯ᠂ ᠬᠠᠩᠭᠠᠯᠭ᠎ᠠ ᠶᠢᠨ ᠳᠡᠯ᠎ᠠ ᠶᠢᠨ ᠪᠦᠳᠤᠴᠠ ᠶᠢᠨ ᠴᠢᠨᠠᠷᠳᠤ ᠦᠬᠡᠷᠡᠴᠢᠯᠠᠯᠳᠠ ᠶᠢ ᠭᠦᠨᠵᠡᠭᠡᠶᠢᠷᠡᠭᠦᠯᠬᠦ ᠵᠢᠯ᠂ ᠨᠡᠮ ᠤᠨ ᠠᠷᠪᠠ ᠶᠢᠰᠦᠳᠦᠭᠡᠷ ᠶᠡᠭᠡ ᠬᠤᠷᠠᠯ ᠨᠡᠭᠡᠭᠡᠭᠳᠡᠬᠦ ᠵᠢᠯ᠂ ᠮᠦᠨ ᠴᠣ᠋ ᠮᠠᠨ ᠤ ᠬᠤᠰᠢᠭᠤᠨ ᠤ ︽ᠦᠭᠭᠢᠶᠡᠮᠦᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ︾ ᠤᠨ ᠪᠠᠶᠢᠭᠤᠯᠣᠯᠳᠠ  ᠶᠢᠨ ᠵᠠᠩᠭᠢᠯᠠᠭ᠎ᠠ ᠶᠢᠨ ᠵᠢᠯ ᠪᠣᠯᠬᠤ ᠶᠣᠮ᠃ ᠪᠢᠳᠡ ᠨᠠᠮ ᠤᠨ ᠠᠷᠪᠠᠨ ᠨᠠᠢᠮᠳᠣᠭᠠᠷ ᠶᠡᠭᠡ ᠬᠤᠷᠠᠯ ᠪᠣᠯᠣᠨ ᠠᠷᠪᠠᠨ ᠨᠠᠢᠮᠳᠣᠭᠠᠷ ᠬᠤᠭᠤᠴᠠᠭᠠᠨ ᠤ ᠭᠤᠷᠪᠠ᠂ ᠲᠦᠷᠪᠡ ᠂ ᠲᠠᠪᠤ᠂ ᠵᠢᠷᠭᠤᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂ ᠦᠪᠡᠷᠳᠡᠭᠡᠨ ᠵᠠᠰᠠᠬᠤ ᠣᠷᠣᠨ ᠤ ᠠᠷᠪᠠᠳᠦᠭᠠᠷ ᠣᠳᠠᠭᠠᠨ ᠤ ᠨᠠᠮ  ᠤᠨ ᠲᠦᠯᠦᠭᠡᠯᠡᠭᠴᠢᠳ ᠤᠨ ᠶᠡᠭᠡ ᠬᠤᠷᠠᠯ᠂ ᠣᠷᠳᠣᠰ ᠬᠤᠳᠠ ᠶᠢᠨ ᠲᠦᠷᠪᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠶᠢᠰᠦᠳᠦᠭᠡᠷ ᠣᠳᠠᠭᠠᠨ ᠤ ᠨᠡᠮ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠬᠤᠶᠠᠳᠦᠭᠠᠷ ᠣᠳᠠᠭᠠᠨ ᠤ ᠪᠦᠬᠦᠳᠡ ᠬᠤᠷᠠᠯ᠂ ᠣᠷᠳᠣᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠭᠤᠷᠪᠠᠳᠣᠭᠠᠷ ᠪᠦᠬᠦᠳᠡ ᠬᠤᠷᠠᠯ᠂ ᠬᠤᠰᠢᠭᠤᠨ ᠤ ᠶᠢᠰᠦᠳᠦᠭᠡᠷ ᠬᠤᠭᠤᠴᠠᠭᠠᠨ ᠤ ᠭᠤᠷᠪᠠᠳᠦᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ᠬᠦᠭᠵᠢᠯᠳᠠ ᠶᠢᠨ ᠶᠠᠰᠦ ᠴᠢᠨᠠᠷ ᠪᠣᠯᠣᠨ ᠦᠷ᠎ᠡ ᠠᠰᠢᠭ ᠢ ᠲᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠬᠠᠩᠭᠠᠯᠭ᠎ᠠ ᠶᠢᠨ ᠳᠡᠯ᠎ᠠ ᠶᠢᠨ ᠪᠦᠳᠤᠴᠠ ᠶᠢᠨ ᠴᠢᠨᠠᠷᠳᠤ ᠦᠬᠡᠷᠡᠴᠢᠯᠠᠯᠳᠠ ᠪᠠᠷ ᠭᠤᠣᠯ ᠪᠣᠯᠭᠠᠵᠣ᠂ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠭᠦᠯᠬᠦ᠂ ᠲᠣᠳᠠᠭᠤᠳᠠᠯ ᠢ ᠨᠦᠬᠦᠪᠦᠷᠢᠯᠡᠬᠦ ᠪᠠᠷ ᠭᠤᠣᠯᠳᠠᠯᠭ᠎ᠠ ᠪᠣᠯᠭᠠᠵᠣ᠂ ᠠᠵᠣ ᠣᠶᠢᠯᠠᠰ ᠤᠨ ᠪᠠᠶᠢᠷᠢᠯᠠᠭᠤᠯᠣᠯᠳᠠ ᠶᠢ ᠰᠢᠯᠢᠳᠡᠭᠵᠢᠭᠦᠯᠵᠣ᠂ ᠪᠣᠳᠠᠳᠦ ᠴᠣᠭᠴᠠ ᠶᠢᠨ ᠠᠵᠣ ᠠᠬᠤᠢ ᠶᠢ ᠪᠣᠶᠢᠵᠢᠭᠤᠯᠣᠨ ᠪᠣᠵᠠᠭᠠᠶᠢᠷᠠᠭᠤᠯᠵᠣ᠂ ᠲᠦᠷᠦᠯ ᠵᠣᠶᠢᠯ ᠤᠨ ᠣᠷᠣᠨᠵᠢᠯᠳᠠ ᠶᠢ ᠡᠷᠴᠢᠮ ᠲᠠᠢ ᠠᠳᠬᠤᠨ᠂ ᠠᠷᠠᠳ ᠤᠨ ᠠᠰᠢᠭ ᠵᠢᠷᠭᠠᠯ ᠢ ᠨᠡᠮᠡᠭᠳᠡᠭᠦᠯᠵᠣ᠂ ᠠᠵᠤ ᠠᠬᠤᠢ ᠨᠡᠶᠢᠭᠡᠮ ᠤᠨ ᠦᠷᠭᠦᠯᠵᠢᠬᠦᠶᠢᠴᠡ ᠲᠣᠭᠳᠠᠭᠤᠨ ᠬᠦᠭᠵᠢᠯᠳᠠ ᠶᠢ ᠠᠬᠢᠭᠤᠯᠣᠨ᠎ᠠ᠃         ︵ᠨᠢᠬᠡ︶ ᠪᠦᠳᠦᠴᠡ ᠶᠢ ᠰᠢᠯᠢᠳᠡᠭᠵᠢᠭᠦᠯᠵᠣ ᠦᠷ᠎ᠡ ᠠᠰᠢᠭ ᠢ ᠨᠡᠮᠡᠭᠳᠡᠭᠦᠯᠦᠨ᠂ ᠬᠦᠭᠵᠢᠯᠳᠠ ᠶᠢᠨ ᠨᠦᠭᠡᠴᠡ ᠬᠦᠴᠦᠨ ᠢ ᠲᠠᠰᠣᠷᠠᠯᠳᠠ ᠦᠭᠡᠢ ᠬᠤᠷᠠᠮᠳᠣᠭᠤᠯᠣᠨ᠎ᠠ᠃ —— ᠲᠦᠷᠤᠯ ᠵᠦᠢᠯ ᠤᠨ ᠪᠡᠷᠬᠡ ᠶᠢ ᠰᠢᠢᠳᠪᠦᠷᠢᠯᠡᠬᠦ ᠶᠢ ᠴᠢᠩᠭ᠎ᠠ ᠠᠳᠬᠤᠵᠣ᠂ ᠠᠵᠣ ᠣᠶᠢᠯᠠᠳᠪᠦᠷᠢ ᠶᠢᠨ ᠠᠵᠣ ᠠᠬᠤᠢ ᠶᠢᠨ ᠬᠡᠮᠵᠢᠶᠠᠨ ᠤ ᠨᠡᠮᠡᠭᠳᠡᠯ ᠴᠢᠨᠠᠷ ᠤᠨ ᠲᠡᠭᠡᠭᠰᠢᠯᠡᠯᠳᠡ ᠶᠢ ᠠᠬᠢᠭᠤᠯᠣᠨ᠎ᠠ᠃ ᠣᠯᠣᠰ ᠤᠨ ᠰᠢᠨ᠎ᠠ ᠨᠢᠭᠡᠨ ᠡᠭᠡᠯᠵᠢ ᠶᠢᠨ ᠲᠦᠷᠦ ᠶᠢᠨ ᠪᠣᠳᠣᠯᠭ᠎ᠠ ᠶᠢᠨ ᠴᠢᠬᠤᠯᠠ ᠠᠰᠢᠭ ᠢ ᠪᠠᠳᠦ ᠡᠵᠡᠮᠳᠡᠵᠣ᠂ ᠴᠢᠬᠤᠯᠠ ᠶᠡᠭᠡ ᠲᠦᠷᠦᠯ ᠵᠣᠶᠢᠯ ᠢ ᠴᠣᠬᠤᠯᠠᠪᠦᠷᠢᠯᠠᠭᠤᠯᠣᠨ ᠣᠷᠣᠨᠵᠢᠭᠤᠯᠬᠤ ᠶᠢ ᠪᠦᠬᠦ ᠬᠦᠴᠤᠨ ᠢᠶᠠᠷ ᠠᠬᠢᠭᠤᠯᠵᠣ᠂ ᠲᠦᠷᠦᠯ ᠵᠣᠶᠢᠯ ᠤᠨ ᠨᠦᠭᠡᠴᠡᠯᠡᠯ ᠢ ᠰᠠᠶᠢᠳᠦᠷ ᠠᠳᠬᠤᠵᠣ᠂ ᠲᠦᠷᠦᠯ ᠵᠣᠶᠢᠯ ᠤᠨ ᠣᠶᠢᠯᠡᠴᠢᠯᠡᠭᠡ ᠶᠢ ᠰᠢᠯᠢᠳᠡᠭᠵᠢᠭᠦᠯᠦᠨ᠂ ᠨᠢᠭᠡ ᠪᠦᠯᠦᠭ ᠨᠦᠭᠡᠴᠡᠯᠡᠪᠡᠯ ᠨᠢᠭᠡ ᠪᠦᠯᠦᠭ ᠢ ᠣᠷᠣᠨᠵᠢᠭᠤᠯᠵᠣ ᠦᠷ᠎ᠡ ᠠᠰᠢᠭ ᠡᠭᠦᠳᠬᠦ ᠣᠬᠢ ᠡᠷᠬᠢᠯᠳᠡ ᠶᠢ ᠪᠣᠢ ᠪᠣᠯᠭᠠᠨ᠎ᠠ᠃᠂ ᠤᠯᠤᠰ ᠤᠨ ᠴᠠᠬᠢᠯᠭᠠᠨ ᠤ ᠱᠣᠸᠠᠩ ᠸᠧᠢ᠂ ᠱᠠᠨᠳᠦ᠋ᠩ ᠤᠨ ᠱᠧᠩ ᠯᠤ᠋ 2 ᠴᠠᠬᠢᠯᠭᠠᠨ ᠣᠶᠢᠯᠠᠳᠪᠦᠷᠢ ᠶᠢᠨ ᠲᠦᠷᠦᠯ ᠵᠣᠶᠢᠯ ᠤᠨ ᠪᠠᠷᠢᠯᠭ᠎ᠠ ᠡᠬᠢᠯᠡᠭᠦᠯᠵᠣ᠂ ᠺᠧ ᠰᠧ ᠤᠨ 20 ᠲᠦᠮᠡᠨ ᠳᠤᠨ᠂ ᠶᠠ ᠬᠠᠢ ᠶᠢᠨ 20 ᠲᠦᠮᠡᠨ ᠳᠤᠨ LNG ᠤᠨ ᠲᠦᠷᠤᠯ ᠵᠦᠢᠯ ᠢ ᠲᠣᠰ ᠵᠢᠯ ᠳᠤ ᠳᠤᠷᠰᠢᠨ ᠤᠶᠢᠯᠡᠤᠨᠪᠤᠷᠢᠯᠡᠬᠦ ᠨᠦᠬᠦᠴᠡᠯ ᠳᠤ ᠬᠦᠷᠬᠡᠵᠤ᠂ ᠵᠢᠯ ᠤᠨ ᠲᠣᠳᠣᠷ᠎ᠠ ᠬᠠᠶᠢᠯᠠᠰᠣᠨ ᠬᠤᠳᠳᠤᠭ ᠤᠨ ᠨᠠᠭᠦᠷᠡᠰᠣᠨ ᠠᠭᠤᠷᠬᠠᠢ ᠶᠢᠨ ᠣᠶᠢᠯᠠᠳᠪᠦᠷᠢᠯᠠᠯ  ᠢ ᠰᠡᠷᠭᠦᠭᠡᠵᠣ᠂ ᠴᠠᠩ ᠴᠧᠩ ᠭᠤᠷᠪᠠ ᠨᠣᠮᠧᠷᠳᠦ ᠨᠡᠭᠦᠷᠡᠰᠣᠨ ᠠᠭᠤᠷᠬᠠᠢ᠂᠂ ᠴᠠᠩ ᠴᠧᠩ ᠲᠠᠪᠦ ᠨᠣᠮᠧᠷᠳᠦ ᠨᠡᠭᠦᠷᠡᠰᠣᠨ ᠠᠭᠤᠷᠬᠠᠢ᠂ ᠴᠠᠩ ᠴᠧᠩ ᠵᠢᠷᠭᠤᠭ᠎ᠠ ᠨᠣᠮᠧᠷᠳᠦ ᠨᠡᠭᠦᠷᠡᠰᠣᠨ ᠠᠭᠤᠷᠬᠠᠢ᠂ ᠬᠤᠸᠠ ᠰᠢᠩ ᠤᠨ 40 ᠳ᠋ᠦᠩᠰᠢᠭᠤᠷ ᠺᠦᠪ ᠮᠧᠲᠷ ᠤᠨ ᠨᠡᠭᠦᠷᠰᠦ ᠪᠠᠷ ᠬᠡᠢ ᠣᠶᠢᠯᠡᠳᠬᠦ ᠲᠦᠷᠤᠯ ᠵᠦᠢᠯ ᠢ ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠢᠶᠠᠷ ᠬᠢᠨᠠᠨ ᠵᠦᠪᠰᠢᠶᠡᠷᠡᠭᠦᠯᠵᠣ᠂ ᠴᠠᠩ ᠴᠧᠩ ᠨᠢᠭᠡ ᠨᠣᠮᠧᠷᠳᠦ ᠨᠡᠭᠦᠷᠡᠰᠣᠨ ᠠᠭᠤᠷᠬᠠᠢ ᠶᠢ ᠲᠡᠰ ᠲᠡᠪᠰᠢᠭᠦᠯᠬᠦ ᠦᠭᠡᠷᠡᠴᠢᠯᠡᠯᠳᠡ ᠶᠢ ᠪᠡᠶᠡᠯᠡᠭᠦᠯᠵᠣ᠂ 60 ᠲᠦᠮᠡᠨ ᠲᠣᠨ ᠠᠯᠺᠸᠠ ᠤ ᠲᠦᠷᠦᠯ ᠵᠣᠶᠢᠯ ᠤᠨ ᠡᠮᠦᠨ᠎ᠡ ᠬᠤᠭᠤᠴᠠᠭᠠᠨ ᠤ ᠠᠵᠢᠯ ᠢ ᠢᠳᠡᠪᠬᠢᠳᠡᠢ ᠠᠬᠢᠭᠤᠯᠣᠨ᠎ᠠ᠃ ᠴᠢᠯᠠᠭᠤᠨ ᠲᠣᠰᠣ ᠰᠢᠳᠠᠮᠠᠬᠠᠢ ᠬᠡᠢ ᠶᠢᠨ ᠡᠬᠢ ᠰᠣᠷᠪᠣᠯᠵᠢ ᠶᠢᠨ ᠨᠡᠭᠡᠭᠡᠯᠳᠡ ᠶᠢᠨ ᠲᠠᠯᠳᠠ ᠬᠦᠴᠦᠨ ᠢ ᠭᠦᠢᠴᠡᠳ ᠠᠭᠤᠳᠠᠯᠠᠵᠣ᠂ ᠨᠡᠭᠦᠷᠡᠰᠣᠨ ᠲᠠᠪᠬᠤᠷᠭ᠎ᠠ ᠶᠢᠨ ᠬᠡᠢ᠂ ᠵᠠᠨᠠᠷ ᠤᠨ ᠬᠡᠢ ᠵᠡᠷᠬᠡ ᠪᠠᠶᠢᠩᠭᠤ ᠶᠢᠨ ᠪᠤᠰᠤ ᠳᠤᠰᠤ ᠬᠡᠢ ᠶᠢᠨ ᠡᠬᠢ ᠰᠤᠷᠪᠤᠯᠵᠢ ᠶᠢᠨ ᠨᠡᠬᠡᠬᠡᠯᠳᠠ ᠶᠢ ᠲᠦᠷᠬᠡᠤᠨᠬᠡᠵᠤ᠂ ᠨᠢᠭᠡ ᠪᠦᠯᠦᠭ ᠰᠢᠨ᠎ᠠ ᠡᠨᠧᠷᠬᠢ ᠶᠢᠨ ᠲᠦᠷᠤᠯ ᠵᠦᠢᠯ ᠢ ᠰᠦᠪᠡᠭᠴᠢᠯᠡᠨ ᠨᠦᠭᠡᠴᠡᠯᠡᠵᠣ᠂ ᠠᠵᠤ ᠤᠶᠢᠯᠡᠤᠨᠪᠤᠷᠢ ᠶᠢᠨ ᠠᠵᠤ ᠠᠬᠤᠢ ᠶᠢᠨ ᠤᠯᠠᠨ ᠡᠰᠢᠵᠢᠯ᠂ ᠦᠨᠳᠦᠷ ᠲᠡᠰᠵᠢᠯ ᠢ ᠠᠬᠢᠭᠤᠯᠵᠣ᠂ ᠣᠯᠠᠨ ᠡᠰᠢᠳᠦ᠂ ᠣᠯᠠᠨ ᠲᠣᠶᠢᠯᠳᠦ ᠬᠦᠭᠵᠢᠯᠳᠠ ᠶᠢ ᠪᠡᠶᠡᠯᠡᠭᠦᠯᠦᠨ᠎ᠡ᠃ ᠪᠦᠬᠦ ᠵᠢᠯ ᠳᠤ ᠨᠡᠬᠦᠷᠡᠰᠤᠨ   ᠤ ᠭᠠᠷᠤᠯᠳᠠ ᠶᠢ 600 ᠲᠦᠮᠡᠨ ᠳᠤᠨ ᠬᠦᠷᠭᠡᠵᠣ᠂ ᠰᠢᠳᠠᠮᠠᠬᠠᠢ ᠬᠡᠢ ᠶᠢᠨ ᠭᠠᠷᠣᠯᠳᠠ ᠶᠢ 45 ᠳ᠋ᠦᠩᠰᠢᠭᠤᠷ ᠺᠦᠪ ᠮᠧᠲᠷ ᠬᠦᠷᠭᠡᠨ᠎ᠡ︔ ᠠᠵᠣ ᠣᠶᠢᠯᠠᠳᠪᠦᠷᠢ ᠶᠢᠨ ᠨᠡᠮᠡᠭᠳᠡᠯ ᠦᠷᠳᠡᠭ ᠢ 72 ᠳ᠋ᠦᠩᠰᠢᠭᠤᠷ ᠲᠦᠭᠦᠷᠢᠭ ᠪᠡᠶᠡᠯᠡᠭᠦᠯᠵᠣ᠂ 9% ᠪᠠᠷ ᠨᠡᠮᠡᠭᠳᠡᠭᠦᠯᠦᠨ᠎ᠡ᠃—— ᠪᠦᠳᠦᠴᠡ ᠶᠢᠨ ᠰᠢᠯᠢᠳᠡᠭᠵᠢᠭᠦᠯᠦᠯᠳᠡ ᠶᠢ ᠴᠢᠩᠭ᠎ᠠ ᠠᠳᠬᠤᠵᠣ᠂ ᠣᠳᠣ ᠦᠶ᠎ᠡ ᠶᠢᠨ ᠮᠠᠯ ᠲᠠᠷᠢᠶᠠᠯᠠᠩ ᠤᠨ ᠬᠦᠭᠵᠢᠯᠳᠠ ᠶᠢ ᠲᠦᠷᠭᠡᠳᠬᠡᠨ᠎ᠡ᠃ ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ ᠤ ᠠᠭᠤᠯᠣᠭᠳᠠᠬᠤᠨ ᠲᠠᠢ ᠬᠦᠭᠵᠢᠯᠳᠠ ᠶᠢ ᠲᠦᠷᠭᠡᠳᠬᠡᠵᠣ᠂ ᠮᠠᠯ ᠲᠠᠷᠢᠶᠠᠯᠠᠩ ᠤᠨ ᠰᠢᠨᠡᠴᠢᠯᠡᠯ ᠲᠠᠢ ᠬᠦᠭᠵᠢᠯᠳᠠ ᠶᠢᠨ ᠠᠮᠢᠳᠣᠯᠢᠭ ᠬᠦᠴᠦᠨ ᠢ ᠨᠡᠮᠡᠭᠳᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠦᠭᠵᠢᠯᠳᠠ ᠶᠢᠨ ᠣᠷᠣᠨ ᠵᠠᠢ ᠶᠢ ᠰᠢᠯᠢᠳᠡᠭᠵᠢᠭᠦᠯᠵᠣ᠂ ᠮᠠᠯᠴᠢᠨ ᠲᠠᠷᠢᠶᠠᠴᠢᠨ ᠤ ᠠᠰᠢᠭ ᠵᠢᠷᠭᠠᠯ ᠢ ᠨᠡᠮᠡᠭᠳᠡᠭᠦᠯᠦᠨ᠂ ᠮᠠᠯ ᠲᠠᠷᠢᠶᠠᠯᠠᠩ ᠤᠨ ᠴᠢᠨᠠᠷ ᠤᠨ ᠲᠡᠭᠡᠭᠰᠢᠯᠡᠯᠳᠡ ᠦᠷ᠎ᠡ ᠠᠰᠢᠭ ᠤᠨ ᠨᠡᠮᠡᠭᠳᠡᠯ᠂ ᠮᠠᠯᠵᠢᠬᠤ ᠲᠠᠷᠢᠶᠠᠯᠠᠬᠤ ᠣᠷᠣᠨ ᠤ ᠠᠵᠣ ᠣᠶᠢᠯᠠᠰ ᠭᠠᠴᠠᠭ᠎ᠠ ᠲᠣᠰᠬᠤᠨ ᠤ ᠠᠵᠣ ᠠᠬᠤᠢ ᠶᠢᠨ ᠠᠭᠤᠰᠣᠯᠴᠠᠯ᠂ ᠮᠠᠯᠴᠢᠨ ᠲᠠᠷᠢᠶᠠᠴᠢᠳ ᠤᠨ ᠬᠡᠪ ᠴᠢᠨᠠᠷ ᠤᠨ ᠲᠡᠭᠡᠭᠰᠢᠯᠡᠯᠳᠡ ᠶᠢ ᠪᠡᠶᠡᠯᠡᠭᠦᠯᠦᠨ᠎ᠡ᠃ ᠮᠠᠯ ᠲᠠᠷᠢᠶᠠᠯᠠᠩ ᠤᠨ ᠬᠡᠪᠴᠢᠶᠡᠵᠢᠭᠰᠡᠨ᠂ ᠣᠳᠣᠬᠢᠴᠢᠯᠠᠭᠰᠠᠨ᠂ ᠨᠡᠷᠡᠳᠦ ᠲᠡᠮᠳᠡᠭᠴᠢᠯᠡᠭᠰᠡᠨ᠂ ᠵᠠᠬ᠎ᠠ ᠲᠡᠯᠭᠡᠭᠦᠷᠴᠢᠯᠡᠭᠰᠡᠨ ᠬᠦᠭᠵᠢᠯᠳᠠ ᠶᠢ ᠠᠬᠢᠭᠤᠯᠣᠨ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠴᠢᠨᠠᠷ ᠴᠢᠨᠰᠠᠭ᠎ᠠ ᠶᠢᠨ ᠠᠮᠣᠷ ᠲᠦᠪᠰᠢᠨ ᠤ ᠪᠠᠷᠢᠮᠵᠢᠶ᠎ᠠ ᠰᠢᠰᠲ᠋ᠧᠮ ᠪᠣᠯᠣᠨ ᠬᠡᠳᠡᠷᠬᠦ ᠨᠡᠬᠡᠮᠵᠢᠯᠡᠬᠦ ᠰᠢᠰᠲ᠋ᠧᠮ ᠢ ᠲᠡᠭᠦᠯᠳᠡᠷᠵᠢᠭᠦᠯᠵᠣ᠂ ᠮᠠᠯ ᠲᠠᠷᠢᠶᠠᠯᠠᠩ ᠤᠨ ᠪᠦᠳᠤᠬᠡᠭᠳᠡᠬᠦᠨ ᠤ ᠪᠣᠬᠢᠷᠳᠣᠯ ᠦᠭᠡᠢ ᠬᠠᠩᠭᠠᠯᠭ᠎ᠠ ᠶᠢ ᠪᠠᠳᠣᠯᠠᠵᠣ᠂ ᠪᠦᠬᠦ ᠦᠪᠡᠷᠳᠡᠭᠡᠨ ᠵᠠᠰᠠᠬᠤ ᠣᠷᠣᠨ᠂ ᠪᠦᠬᠦ ᠣᠯᠣᠰ ᠲᠤ ᠠᠯᠳᠠᠷᠰᠢᠯ ᠲᠠᠢ ᠨᠢᠭᠡ ᠪᠦᠯᠦᠭ ᠮᠠᠯ ᠲᠠᠷᠢᠶᠠᠯᠠᠩ ᠤᠨ ᠪᠦᠳᠤᠬᠡᠭᠳᠡᠬᠦᠨ ᠤ ᠨᠡᠷᠡᠳᠦ ᠲᠡᠮᠳᠡᠭ ᠢ ᠪᠤᠶᠢᠵᠢᠭᠤᠯᠤᠨ᠂ ᠣᠷᠭᠠᠨᠢᠭ ᠨᠣᠳᠤᠭ ᠪᠡᠯᠴᠢᠭᠡᠷ ᠤᠨ ᠭᠡᠷᠡᠴᠢᠯᠡᠯᠳᠡ᠂ ᠠᠯᠠᠰᠢᠨ ᠮᠠᠯ ᠤᠨ ᠬᠡᠳᠡᠷᠬᠦ ᠨᠡᠬᠡᠮᠵᠢᠯᠡᠬᠦ ᠭᠡᠷᠡᠴᠢᠯᠡᠯᠳᠡ ᠶᠢ ᠰᠠᠶᠢᠳᠦᠷ ᠠᠳᠬᠤᠵᠣ᠂ ᠪᠦᠬᠦ ᠵᠢᠯ ᠳᠤ ᠠᠯᠠᠰᠢᠨ ᠦᠭᠡᠷ ᠤᠨ ᠲᠤᠭ᠎ᠠ ᠲᠣᠯᠣᠭᠠᠢ ᠶᠢ 12 ᠲᠦᠮᠡ ᠳᠤ ᠬᠦᠷᠭᠡᠵᠣ᠂  ᠪᠣᠭ ᠮᠠᠯ ᠤᠨ ᠲᠤᠭ᠎ᠠ ᠲᠣᠯᠣᠭᠠᠢ ᠶᠢ 220 ᠲᠦᠮᠡ ᠳᠤ ᠬᠦᠷᠭᠡᠨ᠎ᠡ᠃ ᠲᠠᠷᠢᠶᠠᠯᠠᠩ ᠤᠨ ᠲᠠᠷᠢᠮᠠᠯ ᠤᠨ ᠪᠦᠳᠦᠴᠡ ᠶᠢ ᠲᠣᠬᠢᠷᠠᠭᠤᠯᠵᠣ᠂ ᠴᠢᠨᠠᠷ ᠰᠠᠶᠢᠳᠠᠢ ᠲᠡᠵᠢᠭᠡᠯ ᠡᠪᠡᠰᠦ 1 ᠲᠦᠮᠡᠨ ᠮᠣ᠋᠂ ᠣᠨᠴᠠᠯᠢᠭᠳᠦ ᠲᠠᠷᠢᠮᠡᠯ 1 ᠲᠦᠮᠡᠨ ᠮᠣ᠋᠂ ᠬᠦᠭᠡ ᠲᠠᠷᠣᠰᠢ ᠶᠢᠨ ᠡᠷᠳᠡᠨᠢ ᠰᠢᠰᠢ 2 ᠲᠦᠮᠡᠨ ᠮᠣ᠋ ᠰᠢᠨ᠎ᠡ ᠨᠡᠮᠡᠭᠳᠡᠭᠦᠯᠵᠣ᠂ ︽ᠠᠮᠣ ᠪᠣᠳᠠᠭ᠎ᠠ ᠠᠵᠣ ᠠᠬᠤᠢ ᠶᠢᠨ ᠲᠠᠷᠢᠮᠠᠯ ᠲᠡᠵᠢᠭᠡᠯ ᠡᠪᠡᠰᠦ︾ ᠶᠢᠨ ᠬᠠᠷᠢᠴᠠᠯ ᠢ 35᠄ 39᠄ 26 ᠪᠣᠯᠭᠠᠨ ᠰᠢᠯᠢᠳᠡᠭᠵᠢᠭᠦᠯᠦᠨ᠎ᠡ᠃ ᠮᠠᠯ ᠲᠠᠷᠢᠶᠠᠯᠠᠩ ᠢ ᠺᠣᠮᠫᠠᠨᠢᠴᠢᠯᠠᠨ ᠠᠵᠢᠯᠯᠠᠭᠤᠯᠬᠤ ᠵᠠᠭᠪᠣᠷ ᠢ ᠳᠡᠯᠬᠡᠷᠡᠬᠦᠯᠵᠤ᠂ ᠠᠵᠣ ᠠᠬᠤᠢ ᠶᠢᠨ ᠪᠣᠳᠠᠳᠦ ᠬᠦᠴᠦᠨ ᠶᠡᠭᠡ᠂ ᠲᠠᠶᠢᠴᠢᠯᠠᠨ ᠲᠠᠭᠠᠭᠠᠭᠤᠯᠬᠤ ᠴᠢᠳᠠᠪᠦᠷᠢ ᠴᠢᠩᠭ᠎ᠠ ᠨᠢᠭᠡ ᠪᠦᠯᠦᠭ ᠲᠣᠯᠣᠭᠠᠶᠢᠯᠠᠭᠴᠢ ᠠᠵᠣ ᠠᠬᠤᠶᠢᠯᠠᠯ ᠢ ᠪᠠᠶᠢᠭᠤᠯᠣᠨ᠂ ᠮᠠᠯ ᠲᠠᠷᠢᠶᠠᠯᠠᠩ ᠤᠨ ᠲᠠᠪᠠᠭᠤᠯᠢᠭ ᠡᠬᠢ ᠰᠣᠷᠪᠣᠯᠵᠢ ᠶᠢᠨ ᠵᠣᠬᠢᠰᠳᠠᠢ ᠲᠦᠬᠦᠷᠵᠢᠭᠦᠯᠦᠯᠳᠡ ᠶᠢ ᠵᠢᠯᠣᠭᠤᠳᠣᠨ ᠲᠠᠶᠢᠴᠢᠯᠠᠨ᠎ᠠ᠃ ᠮᠠᠯ ᠲᠠᠷᠢᠶᠠᠯᠠᠩ ᠤᠨ ᠪᠦᠳᠤᠬᠡᠭᠳᠡᠬᠦᠨ  + ᠡᠯᠧᠺᠲᠷᠣᠨ ᠠᠷᠠᠯᠵᠢᠶᠠᠨ ᠤ ᠵᠠᠭᠪᠣᠷ ᠢ ᠬᠦᠴᠦᠯᠡᠨ ᠬᠦᠭᠵᠢᠭᠦᠯᠵᠣ᠂ ᠮᠠᠯ ᠲᠠᠷᠢᠶᠠᠯᠠᠩ ᠤᠨ ᠪᠦᠳᠤᠬᠡᠭᠳᠡᠬᠦᠨ  + ᠬᠡᠳᠦ ᠲᠡᠯᠭᠡᠭᠦᠷ᠂ ᠮᠠᠯ ᠲᠠᠷᠢᠶᠠᠯᠠᠩ ᠤᠨ ᠪᠦᠳᠤᠬᠡᠭᠳᠡᠬᠦᠨ  + ᠪᠦᠭᠡᠮ ᠪᠤᠷᠤᠯᠠᠭᠤᠯᠭ᠎ᠠ᠂ ᠮᠠᠯ ᠲᠠᠷᠢᠶᠠᠯᠠᠩ ᠤᠨ ᠪᠦᠳᠤᠬᠡᠭᠳᠡᠬᠦᠨ + ᠠᠷᠠᠯᠵᠢᠶᠠᠴᠢᠨ ᠡᠷᠦᠬᠡ᠂ ᠡᠯᠧᠺᠲᠷᠣᠨ ᠠᠷᠠᠯᠵᠢᠶᠠᠨ ᠲᠠᠪᠴᠠᠩ  +  ᠠᠷᠠᠯᠵᠢᠶᠠᠴᠢᠨ ᠡᠷᠦᠬᠡ ᠵᠡᠷᠭᠡ ᠡᠵᠡᠩᠨᠡᠯᠳᠡ ᠪᠣᠷᠣᠯᠠᠭᠤᠯᠭ᠎ᠠ ᠶᠢᠨ ᠵᠠᠭᠪᠣᠷ ᠢ ᠪᠣᠶᠢᠵᠠᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠭᠦᠢᠯᠭᠡᠭᠡᠨ ᠤ ᠵᠠᠮ ᠮᠦᠷ ᠢ ᠰᠢᠯᠣᠭᠤᠳᠬᠠᠵᠣ᠂ ᠮᠠᠯ ᠲᠠᠷᠢᠶᠠᠯᠠᠩ ᠤᠨ ᠵᠠᠬ᠎ᠠ ᠲᠡᠯᠭᠡᠭᠦᠷᠴᠢᠯᠡᠭᠰᠡᠨ ᠬᠦᠭᠵᠢᠯᠳᠠ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠤᠨ ᠬᠡᠪ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠣ᠂ ᠣᠳᠣ ᠦᠶ᠎ᠡ ᠶᠢᠨ ᠰᠢᠨᠵᠢᠯᠡᠭᠡ ᠮᠡᠷᠭᠡᠵᠢᠯ ᠢᠶᠠᠷ ᠮᠠᠯᠴᠢᠨ ᠲᠠᠷᠢᠶᠠᠴᠢᠨ ᠢ ᠵᠡᠪᠰᠡᠭᠯᠡᠵᠣ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠡᠷᠡᠭᠯᠡᠭᠡᠨ ᠤ ᠴᠢᠳᠠᠪᠦᠷᠢᠳᠠᠳ ᠢ ᠬᠦᠮᠦᠵᠢᠭᠦᠯᠦᠨ᠎ᠡ᠃—— ᠦᠷ᠎ᠡ ᠠᠰᠢᠭ ᠤᠨ ᠲᠡᠭᠡᠭᠰᠢᠯᠡᠭᠦᠯᠦᠯᠳᠡ ᠶᠢ ᠴᠢᠩᠭ᠎ᠠ ᠠᠳᠬᠤᠵᠣ᠂ ᠣᠶᠢᠯᠡᠴᠢᠯᠡᠭᠡᠨ ᠤ ᠣᠶᠢᠯᠠᠰ ᠤᠨ ᠬᠦᠭᠵᠢᠯᠳᠠ ᠶᠢᠨ ᠠᠮᠢᠳᠣᠯᠢᠭ ᠬᠦᠴᠦᠨ ᠢ ᠬᠦᠭᠵᠢᠭᠡᠨ᠎ᠡ᠃ ᠪᠣᠳᠠᠳᠦ ᠴᠣᠭᠴᠠ ᠶᠢᠨ ᠠᠵᠣ ᠠᠬᠤᠢ ᠶᠢᠨ ᠬᠦᠭᠵᠢᠯᠳᠠ ᠶᠢ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ᠂ ᠠᠵᠣ ᠣᠶᠢᠯᠠᠰ ᠤᠨ ᠪᠦᠳᠦᠴᠡ ᠶᠢ ᠲᠣᠭᠢᠷᠠᠭᠤᠯᠬᠤ ᠴᠢᠬᠤᠯᠠ ᠲᠣᠯᠬᠤ ᠴᠡᠭ ᠪᠣᠯᠭᠠᠵᠣ᠂ ᠣᠶᠢᠯᠡᠴᠢᠯᠡᠭᠡᠨ ᠤ ᠣᠶᠢᠯᠠᠰ ᠤᠨ ᠰᠢᠯᠢᠳᠡᠭᠵᠢᠯ ᠲᠡᠰ ᠲᠠᠪᠰᠢᠯᠳᠠ᠂ ᠡᠵᠡᠯᠡᠬᠦ ᠬᠠᠷᠢᠴᠠᠯ ᠤᠨ ᠲᠡᠭᠡᠭᠰᠢᠯᠡᠯᠳᠡ᠂ ᠦᠷᠢᠰᠬᠦ ᠬᠦᠴᠦᠨ ᠤ ᠨᠡᠮᠡᠭᠳᠡᠯ ᠢ ᠠᠬᠢᠭᠤᠯᠣᠨ᠎ᠠ᠃ ᠣᠶᠢᠯᠡᠴᠢᠯᠡᠭᠡᠨ ᠤ ᠣᠶᠢᠯᠠᠰ ᠤᠨ ᠠᠵᠣ ᠣᠶᠢᠯᠠᠰ ᠤᠨ ᠪᠠᠶᠢᠷᠢᠯᠠᠭᠤᠯᠣᠯᠳᠠ ᠪᠣᠯᠣᠨ ᠬᠡᠯᠬᠢᠶᠡᠨ ᠤ ᠣᠷᠳᠣᠳᠬᠠᠯ   ᠳᠠᠬᠢ ᠵᠠᠯᠠᠭᠠᠯᠳᠠ ᠶᠢ ᠨᠡᠩ ᠴᠢᠬᠤᠯᠠᠴᠢᠯᠠᠵᠣ᠂ ᠭᠤᠣᠯᠳᠠᠯᠭᠠᠳᠦ ᠦᠵᠡᠮᠵᠢ ᠶᠢᠨ ᠣᠷᠣᠨ ᠢᠶᠠᠷ ᠲᠣᠯᠭᠠᠭᠤᠷᠢᠯᠠᠯ ᠪᠣᠯᠭᠠᠵᠣ᠂ ᠬᠦᠳᠡᠭᠡ ᠲᠣᠰᠬᠤᠨ ᠤ ᠵᠢᠭᠤᠯᠴᠢᠯᠠᠯ  ᠢᠶᠠᠷ ᠨᠦᠬᠦᠪᠦᠷᠢ ᠪᠣᠯᠭᠠᠭᠰᠠᠨ ᠪᠦᠬᠦ ᠬᠡᠪᠴᠢᠶᠡᠨ ᠤ ᠵᠢᠭᠤᠯᠴᠢᠯᠠᠯ ᠢ ᠪᠦᠷᠢᠯᠳᠦᠭᠦᠯᠵᠣ᠂ ᠮᠠᠯ ᠲᠠᠷᠢᠶᠠᠯᠠᠩ ᠤᠨ ᠵᠢᠭᠤᠯᠴᠢᠯᠠᠯ᠂ ᠠᠵᠣ ᠤᠶᠢᠯᠡᠤᠨᠪᠤᠷᠢ ᠶᠢᠨ ᠵᠢᠭᠤᠯᠴᠢᠯᠠᠯ᠂ ᠣᠨᠴᠠᠯᠢᠭᠳᠦ ᠪᠡᠶᠡᠴᠢᠯᠡᠨ ᠣᠶᠢᠯᠭᠠᠬᠤ ᠵᠢᠭᠤᠯᠴᠢᠯᠠᠯ᠂ ᠡᠷᠡᠭᠦᠯᠵᠢᠯ ᠰᠣᠪᠢᠯᠠᠯᠳᠡ ᠶᠢᠨ ᠵᠢᠭᠤᠯᠴᠢᠯᠠᠯ᠂ ᠨᠡᠷᠡᠳᠦ ᠲᠡᠮᠳᠡᠭᠳᠦ ᠰᠣᠶᠣᠯ ᠨᠠᠶᠢᠷ ᠤᠨ ᠵᠢᠭᠤᠯᠴᠢᠯᠠᠯ ᠵᠡᠷᠭᠡ ᠣᠯᠠᠨ ᠡᠰᠢᠵᠢᠯ ᠬᠤᠯᠪᠣᠭᠠᠯᠠᠭᠰᠠᠨ ᠰᠢᠨ᠎ᠡ ᠬᠡᠯᠪᠡᠷᠢ ᠶᠢᠨ ᠵᠢᠭᠤᠯᠴᠢᠯᠠᠯ ᠤᠨ ᠣᠶᠢᠠᠯᠰ ᠢ ᠬᠦᠭᠵᠢᠭᠦᠯᠵᠣ᠂ ᠠᠵᠣ ᠣᠶᠢᠯᠠᠰ ᠬᠠᠷᠢᠯᠴᠠᠨ ᠠᠭᠤᠰᠣᠯᠴᠠᠨ ᠠᠬᠢᠭᠤᠯᠵᠣ᠂ ᠦᠵᠡᠮᠵᠢ ᠶᠢᠨ ᠣᠷᠣᠨ ᠬᠠᠷᠢᠯᠴᠠᠨ ᠬᠤᠯᠪᠣᠭᠠᠯᠠᠭᠰᠠᠨ᠂ ᠪᠦᠬᠦ ᠠᠷᠠᠳ ᠣᠷᠣᠯᠴᠠᠭᠰᠠᠨ ᠣᠶᠢᠯᠡᠴᠢᠯᠡᠭᠡᠨ ᠤ ᠣᠶᠢᠯᠠᠰ ᠤᠨ ᠬᠦᠭᠵᠢᠯᠳᠠ  ᠶᠢᠨ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃ ᠰᠤᠶᠤᠯ ᠤᠨ ᠠᠵᠤ ᠤᠶᠢᠯᠡᠰ ᠤᠨ ᠬᠦᠷᠢᠶᠡᠯᠡᠩ᠂ ᠶᠡᠭᠡ ᠲᠣᠯᠣᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠣᠷᠣᠨ᠂ ᠭᠤᠯᠣᠮᠲᠠ ᠭᠠᠯ ᠴᠡᠴᠡᠷᠯᠢᠭ᠂ ᠠᠵᠢᠯ ᠮᠡᠷᠬᠡᠵᠢᠯ ᠤᠨ ᠰᠣᠷᠭᠠᠨ ᠬᠦᠮᠦᠵᠢᠯ ᠤᠨ ᠬᠦᠷᠢᠶᠡᠯᠡᠩ᠂ ᠠᠵᠠᠲᠠᠢ ᠡᠷᠬᠦᠯᠵᠢᠯ ᠰᠣᠪᠢᠯᠠᠯ ᠤᠨ ᠬᠦᠷᠢᠶᠡᠯᠡᠩ ᠵᠡᠷᠬᠡ ᠰᠣᠶᠣᠯ ᠵᠢᠭᠤᠯᠴᠢᠯᠠᠯ ᠤᠨ ᠡᠬᠢ ᠰᠣᠷᠪᠣᠯᠵᠢ ᠶᠢᠨ ᠲᠠᠪᠠᠭᠤᠯᠢᠭ ᠢ ᠨᠡᠶᠢᠳᠬᠡᠨ᠂ ᠰᠣᠶᠣᠯ ᠵᠢᠭᠤᠯᠴᠢᠯᠠᠯ ᠤᠨ ᠶᠡᠷᠣᠩᠬᠡᠶᠢᠯᠡᠭᠰᠡᠨ ᠴᠣᠭᠴᠠ ᠶᠢ ᠪᠦᠷᠢᠯᠳᠣᠬᠦᠯᠣᠨ᠎ᠡ︔  ᠪᠠᠶᠠᠨᠰᠢᠪᠠᠷ ᠤᠨ ᠴᠠᠶᠢᠳᠠᠮ᠂ ᠡᠯᠡᠰᠣ ᠮᠠᠩᠬᠠᠨ ᠤ ᠲᠣᠮᠣ ᠬᠠᠪᠴᠢᠯ᠂ ᠬᠡᠷᠡᠮ ᠤᠨ ᠭᠤᠣᠯ ᠦᠵᠡᠮᠵᠢ ᠶᠢᠨ ᠣᠷᠣᠨ᠂ ︽1+6︾  ᠬᠤᠪᠢᠰᠬᠠᠯᠲᠣ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠬᠡ ᠨᠢᠬᠡ ᠪᠦᠯᠦᠭ ᠦᠨᠳᠣᠰᠣᠲᠡᠨ ᠤ ᠣᠨᠴᠠᠯᠢᠭ ᠲᠠᠢ᠂ ᠨᠣᠳᠤᠭ ᠣᠷᠣᠨ ᠤ ᠵᠠᠩ ᠣᠶᠢᠯᠠ ᠶᠢ ᠬᠠᠷᠠᠭᠤᠯᠤᠭᠰᠡᠨ ᠵᠢᠭᠤᠯᠴᠢᠯᠠᠯ ᠤᠨ ᠦᠵᠡᠮᠵᠢ ᠶᠢᠨ ᠴᠡᠭ ᠢ ᠪᠠᠶᠢᠭᠤᠯᠣᠨ᠎ᠠ︔ ᠬᠤᠪᠢᠰᠬᠠᠯᠳᠦ ᠵᠢᠭᠤᠯᠴᠢᠯᠠᠯ ᠤᠨ ᠡᠬᠢ ᠰᠣᠷᠪᠣᠯᠵᠢ ᠶᠢᠨ ᠲᠠᠪᠠᠭᠤᠯᠢᠭ ᠢ ᠭᠦᠢᠴᠡᠳ ᠠᠭᠤᠳᠠᠯᠵᠣ᠂ ᠪᠣᠷᠣᠪᠠᠯᠭᠠᠰᠦ ᠶᠢᠨ ᠣᠨᠴᠠᠯᠢᠭᠳᠦ ᠵᠢᠵᠢᠭ ᠪᠠᠯᠭᠠᠰᠣᠨ ᠤ ᠪᠠᠶᠢᠭᠤᠯᠣᠯᠳᠠ ᠶᠢ ᠲᠦᠷᠭᠡᠳᠬᠡᠵᠣ᠂ ᠬᠤᠳᠠ ᠪᠠᠯᠭᠠᠰᠣᠨ ᠤ ᠪᠠᠶᠢᠭᠤᠯᠣᠯᠳᠠ ᠬᠢᠬᠡᠳ ᠵᠢᠭᠤᠯᠴᠢᠯᠠᠯ ᠤᠨ ᠡᠬᠢ ᠰᠣᠷᠪᠣᠯᠵᠢ ᠶᠢ ᠴᠣᠭᠴᠠᠵᠢᠭᠤᠯᠣᠨ ᠬᠤᠯᠪᠣᠭᠠᠯᠠᠵᠣ ᠬᠦᠭᠵᠢᠭᠦᠯᠦᠨ᠎ᠡ︔ ᠲᠣᠰ ᠵᠢᠯ ᠳᠤ ᠣᠯᠣᠰ ᠤᠨ 5A ᠲᠡᠰ ᠤᠨ ᠦᠵᠡᠮᠵᠢ ᠶᠢᠨ ᠣᠷᠣᠨ ᠢ 1᠂ ᠵᠢᠭᠤᠯᠴᠢᠯᠠᠯ ᠤᠨ ᠲᠠᠭᠤᠷᠢᠶᠠᠯ ᠭᠠᠴᠠᠭ᠎ᠠ ᠲᠣᠰᠬᠤᠨ ᠢ 10᠂ ᠮᠠᠯ ᠲᠠᠷᠢᠶᠠᠯᠠᠩ ᠤᠨ ᠦᠵᠡᠮᠵᠢ ᠶᠢᠨ ᠴᠡᠭ ᠢ 10᠂ ᠣᠨᠴᠠᠯᠢᠭᠳᠦ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠲᠠᠭᠤᠷᠢᠶᠠᠯ ᠡᠷᠦᠬᠡ  ᠶᠢ 10 ᠪᠠᠶᠢᠭᠤᠯᠬᠤ ᠪᠠᠷ ᠴᠢᠷᠮᠠᠶᠢᠨ᠎ᠠ᠃ ᠣᠶᠢᠯᠡᠴᠢᠯᠡᠭᠡᠨ ᠤ ᠣᠶᠢᠯᠠᠰ ᠤᠨ ᠬᠦᠭᠵᠢᠯᠳᠡ ᠶᠢᠨ ᠬᠦᠷᠢᠶ᠎ᠡ ᠴᠠᠷᠠᠭ᠎ᠠ ᠶᠢ ᠦᠷᠭᠡᠳᠬᠡᠵᠣ᠂ ᠣᠳᠣ ᠦᠶ᠎ᠡ ᠶᠢᠨ ᠪᠣᠳᠠᠰ  ᠤᠨ ᠭᠦᠢᠯᠭᠡᠭᠡ᠂ ᠡᠯᠧᠺᠲᠷᠣᠨ ᠠᠷᠠᠯᠵᠢᠶ᠎ᠠ᠂ ᠡᠷᠡᠭᠦᠯᠵᠢᠯ ᠰᠣᠪᠢᠯᠠᠯ᠂ ᠨᠠᠰᠣᠳᠠᠨ ᠢ ᠠᠰᠠᠷᠠᠬᠤ ᠣᠶᠢᠯᠡᠴᠢᠯᠡᠭᠡ ᠵᠡᠷᠭᠡ ᠰᠢᠨ᠎ᠡ ᠣᠶᠢᠯᠠᠰ ᠢ ᠶᠡᠭᠡ ᠪᠠᠷ ᠬᠦᠭᠵᠢᠭᠦᠯᠦᠨ᠂ ᠭᠤᠷᠪᠠᠳᠦᠭᠠᠷ ᠠᠵᠣ ᠣᠶᠢᠯᠠᠰ ᠤᠨ ᠬᠦᠭᠵᠢᠯᠳᠠ ᠶᠢᠨ ᠨᠦᠭᠡᠴᠡ ᠬᠦᠴᠦᠨ ᠢ ᠨᠡᠮᠡᠭᠳᠡᠭᠦᠯᠦᠨ᠎ᠡ︔ ᠶᠡᠷᠦᠩᠬᠡᠶᠢᠯᠡᠭᠰᠡᠨ ᠪᠣᠳᠠᠰ ᠤᠨ ᠭᠦᠢᠯᠭᠡᠭᠡᠨ ᠤ ᠬᠦᠷᠢᠶᠡᠯᠡᠩ ᠢ ᠰᠢᠨ᠎ᠡ ᠪᠠᠷ 1 ᠪᠠᠶᠢᠭᠤᠯᠵᠣ᠂ ᠨᠣᠳᠤᠭ ᠤᠨ ᠭᠠᠷᠣᠯᠳᠠ ᠶᠢᠨ ᠠᠷᠠᠯᠵᠢᠶᠠᠨ ᠤ ᠲᠠᠪᠴᠠᠩ ᠪᠣᠯᠣᠨ ᠪᠦᠬᠦ ᠣᠯᠣᠰ ᠲᠤ ᠬᠠᠨᠳᠣᠭᠤᠯᠣᠭᠰᠠᠨ ᠦᠨᠳᠦᠰᠦᠳᠡᠨ ᠤ ᠲᠠᠸᠠᠷ  ᠤᠨ ᠠᠷᠠᠯᠵᠢᠶᠠᠨ ᠤ ᠲᠠᠪᠴᠠᠩ ᠵᠡᠷᠭᠡ ᠰᠦᠯᠵᠢᠶᠡᠨ ᠲᠡᠯᠭᠡᠭᠦᠷ ᠪᠣᠳᠠᠳᠦ ᠲᠡᠯᠭᠡᠭᠦᠷ ᠠᠭᠤᠰᠤᠯᠴᠠᠨ ᠬᠤᠯᠪᠣᠭᠠᠯᠠᠭᠰᠠᠨ ᠬᠠᠮ ᠪᠣᠳᠠᠰ ᠤᠨ ᠭᠦᠢᠯᠭᠡᠭᠡᠨ ᠤ ᠲᠠᠪᠴᠠᠩ ᠢ ᠪᠠᠶᠢᠭᠤᠯᠣᠨ᠎ᠠ︔ ᠠᠵᠠᠳᠠᠢ ᠡᠷᠡᠭᠦᠯᠵᠢᠯ ᠰᠣᠪᠢᠯᠠᠯ ᠤᠨ ᠬᠦᠷᠢᠶᠡᠯᠡᠩ ᠢ ᠪᠠᠶᠢᠭᠤᠯᠣᠨ᠂ ᠡᠷᠡᠭᠦᠯᠵᠢᠯ ᠰᠣᠪᠢᠯᠠᠯ ᠤᠨ ᠲᠠᠭᠤᠷᠢᠶᠠᠯ ᠲᠠᠶᠢᠴᠢᠯᠠᠯ ᠤᠨ ᠦᠷ᠎ᠡ ᠠᠰᠢᠭ ᠢ ᠪᠣᠢ ᠪᠣᠯᠭᠠᠨ᠎ᠠ᠃         ︵ᠬᠤᠶᠠᠷ︶ ᠰᠠᠭᠤᠷᠢ ᠶᠢ ᠪᠠᠬᠢᠵᠢᠭᠦᠯᠦᠨ ᠲᠣᠳᠠᠭᠤᠳᠠᠯ ᠢ ᠨᠦᠬᠦᠪᠦᠷᠢᠯᠡᠵᠣ᠂ ᠬᠦᠭᠵᠢᠯᠳᠡ ᠶᠢᠨ ᠣᠷᠴᠢᠨ ᠢ ᠣᠯᠠᠮ ᠰᠢᠯᠢᠳᠡᠭᠵᠢᠭᠦᠯᠦᠨ᠎ᠡ᠃ ᠣᠯᠣᠰ᠂ ᠦᠪᠡᠷᠳᠡᠭᠡᠨ ᠵᠠᠰᠠᠬᠤ ᠣᠷᠣᠨ ᠤ ᠬᠤᠷᠸ᠎ᠠ ᠲᠦᠷᠦ ᠶᠢᠨ ᠪᠣᠳᠣᠯᠭ᠎ᠠ ᠶᠢᠨ ᠲᠣᠬᠢᠷᠠᠭᠤᠯᠣᠯᠳᠡ᠂ ᠬᠦᠬᠡᠬᠤᠳᠠ ᠪᠣᠭᠤᠳᠦ ᠣᠷᠳᠣᠰ ᠤᠨ ᠬᠠᠮᠳᠣᠷᠠᠨ ᠬᠦᠭᠵᠢᠭᠦ ᠲᠣᠬᠢᠶᠠᠯ  ᠢ ᠪᠠᠳᠦ ᠡᠵᠡᠮᠳᠡᠵᠣ᠂ ᠲᠡᠭᠡᠳᠦ ᠱᠠᠳᠣᠨ ᠤ ᠪᠡᠯᠡ ᠣᠷᠣᠭᠤᠯᠣᠯᠳᠠ ᠶᠢᠨ ᠬᠠᠨᠳᠣᠰᠢ ᠶᠢ ᠡᠵᠡᠮᠰᠢᠨ᠂ ᠴᠢᠬᠤᠯᠠ ᠶᠡᠭᠡ ᠲᠦᠷᠦᠯ ᠵᠣᠶᠢᠯ ᠤᠨ ᠪᠠᠶᠢᠭᠤᠯᠣᠯᠳᠠ ᠶᠢ ᠪᠦᠬᠦ ᠬᠦᠴᠦᠨ ᠢᠶᠠᠷ ᠠᠬᠢᠭᠤᠯᠵᠣ᠂ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠳᠠ ᠶᠢᠨ ᠴᠢᠳᠠᠮᠵᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠠᠮᠢ ᠠᠬᠤᠢ ᠶᠢᠨ ᠪᠠᠶᠢᠭᠤᠯᠤᠯᠳᠠ ᠶᠢᠨ ᠳᠠᠯ᠎ᠠ ᠪᠠᠷ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠭᠦᠨ ᠮᠠᠯᠵᠢᠬᠤ᠂ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠲᠣᠭᠳᠠᠭᠠᠬᠤ᠂ ᠣᠰᠣᠨ ᠡᠬᠢ ᠰᠣᠷᠪᠣᠯᠵᠢ ᠪᠠᠷ ᠬᠦᠭᠵᠢᠯᠳᠡ ᠶᠢ ᠲᠣᠭᠳᠠᠭᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠣ᠂ ᠪᠡᠬᠡᠵᠢᠩ ᠲᠢᠶᠠᠨᠵᠢᠨ ᠤ ᠰᠠᠯᠬᠢ ᠰᠢᠷᠤᠢ ᠶᠢᠨ ᠡᠬᠢ ᠶᠢᠨ ᠵᠠᠰᠠᠯᠳᠠ᠂ ᠪᠠᠶᠢᠭᠠᠯᠢ ᠶᠢᠨ ᠣᠢ ᠶᠢᠨ ᠬᠠᠮᠠᠭᠠᠯᠠᠯᠳᠠ ᠵᠡᠷᠭᠡ ᠠᠮᠢ ᠠᠬᠤᠢ ᠶᠢᠨ ᠢᠨᠵᠧᠨᠧᠷᠢᠩ ᠢ ᠪᠦᠳᠦᠮᠵᠢᠳᠠᠢ ᠬᠡᠷᠡᠭᠵᠢᠬᠦᠯᠤᠨ᠂ ᠠᠮᠢ ᠠᠬᠤᠢ ᠶᠢᠨ ᠪᠠᠶᠢᠭᠤᠯᠣᠯᠳᠠ ᠶᠢᠨ ᠦᠷ᠎ᠡ ᠪᠦᠳᠦᠭᠡᠯ ᠢ ᠦᠷᠭᠡᠳᠬᠡᠨ ᠪᠠᠬᠢᠵᠢᠭᠦᠯᠦᠨ᠎ᠡ᠃ ᠲᠣᠰ ᠵᠢᠯ ᠳᠤ 11.9 ᠲᠦᠮᠡᠨ ᠮᠤ᠋ ᠤᠶᠢᠵᠢᠭᠤᠯᠵᠤ᠂ 85 ᠲᠦᠮᠡᠨ ᠮᠤ᠋ ᠨᠣᠳᠤᠭ ᠪᠡᠯᠴᠢᠭᠡᠷ ᠢ ᠪᠦᠳᠦᠭᠡᠨ ᠪᠠᠶᠢᠭᠤᠯᠣᠨ᠎ᠠ᠃ ᠴᠠᠬᠢᠯᠭᠠᠨ ᠬᠦᠴᠤᠨ ᠤ ᠳᠠᠯ᠎ᠠ ᠪᠠᠷ᠂ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠢᠨᠵᠧᠨᠧᠷᠢᠩ ᠢ 5 ᠪᠠᠶᠢᠭᠤᠯᠵᠤ᠂ ᠰᠢᠨ᠎ᠡ ᠴᠠᠬᠢᠯᠭᠠᠨ ᠱᠣᠭᠤᠮ᠂ ᠴᠠᠬᠢᠯᠭᠠᠨ ᠲᠣᠬᠢᠷᠠᠭᠤᠯᠬᠤ ᠲᠣᠣᠷ ᠤᠨ ᠦᠭᠡᠷᠡᠴᠢᠯᠡᠯᠳᠡ᠂ ᠭᠤᠣᠯᠳᠠᠯᠭᠠᠳᠦ ᠭᠠᠴᠠᠭ᠎ᠠ ᠲᠣᠰᠬᠤᠨ ᠤ ᠴᠠᠬᠢᠯᠭᠠᠨ ᠪᠠᠭᠳᠠᠭᠠᠮᠵᠢ ᠶᠢ ᠨᠡᠮᠡᠭᠳᠡᠭᠦᠯᠬᠦ ᠵᠡᠷᠭᠡ ᠢᠨᠵᠧᠨᠧᠷᠢᠩ ᠢ ᠰᠠᠶᠢᠳᠦᠷ ᠠᠳᠬᠤᠵᠣ᠂ ᠴᠠᠬᠢᠯᠭᠠᠨ ᠬᠠᠩᠭᠠᠬᠤ ᠴᠢᠳᠠᠮᠵᠢ ᠶᠢ ᠲᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ ᠳᠠᠯ᠎ᠠ ᠪᠠᠷ᠂ ᠣᠳᠤᠭ ᠤᠨ ᠡᠮᠦᠨᠡᠳᠦ ᠬᠤᠰᠢᠭᠤᠨ ᠤ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ᠂ ᠲᠣᠣ ᠱᠠᠩ ᠲᠡᠮᠣᠷ ᠵᠠᠮ ᠤᠨ ᠣᠯᠵᠠᠴᠢ ᠠᠴᠠ ᠱᠠᠩᠬᠠᠢ ᠶᠢᠨ ᠰᠦᠮ᠎ᠠ ᠬᠦᠷᠬᠦ ᠬᠡᠰᠡᠭ᠂ ᠤᠯᠵᠠᠴᠢ ᠠᠴᠠ ᠳ᠋ᠦᠩ ᠳ᠋ᠤᠤ ᠯᠢᠶᠠᠩ ᠬᠦᠷᠬᠦ ᠲᠦᠷᠬᠡᠨ ᠵᠠᠮ ᠵᠡᠷᠭᠡ ᠵᠠᠮ ᠬᠠᠷᠢᠯᠴᠠᠭᠠᠨ ᠤ ᠲᠦᠬᠦᠭᠡᠷᠦᠮᠵᠢ ᠶᠢᠨ ᠪᠠᠶᠢᠭᠤᠯᠣᠯᠳᠠ ᠶᠢ ᠲᠦᠷᠭᠡᠳᠬᠡᠨ᠂ ᠲᠣᠰ ᠵᠢᠯ ᠳᠤ ᠠᠰᠢᠭᠯᠠᠯᠳᠠ ᠳᠤ ᠣᠷᠣᠭᠤᠯᠬᠤ ᠶᠢ ᠪᠠᠳᠣᠯᠠᠨ᠎ᠠ︔ ᠪᠤᠷᠤᠪᠠᠯᠭᠠᠰᠤ ᠶᠢᠨ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠡᠬᠢᠯᠡᠨ ᠪᠠᠶᠢᠭᠤᠯᠤᠨ᠎ᠠ︔ S317 ᠱᠤᠭᠤᠮ ᠤᠨ ᠨᠠᠩᠰᠦ ᠠᠴᠠ ᠲᠣᠯᠢ ᠬᠦᠷᠬᠦ ᠨᠢᠬᠡᠳᠤᠬᠡᠷ ᠲᠡᠰ ‍ᠤᠨ‌ᠵᠠᠰᠠᠮᠠᠯ ᠵᠠᠮ᠂ S216 ᠱᠤᠭᠤᠮ ᠤᠨ ᠤᠯᠵᠠᠴᠢ ᠠᠴᠠ ᠵᠠᠩᠭᠤᠳᠤ ᠬᠦᠷᠬᠦ ᠭᠤᠷᠪᠠᠳᠦᠭᠠᠷ ᠲᠡᠰ ᠤᠨ ᠵᠠᠰᠠᠮᠠᠯ ᠵᠠᠮ ᠢ ᠪᠠᠶᠢᠭᠤᠯᠣᠨ᠂ ᠬᠦᠳᠡᠭᠡ ᠶᠢᠨ ᠵᠠᠰᠠᠮᠠᠯ ᠵᠠᠮ ᠤᠨ ᠪᠠᠶᠢᠭᠤᠯᠣᠯᠳᠠ ᠶᠢ ᠦᠷᠭᠦᠯᠵᠢᠯᠡᠨ ᠰᠠᠶᠢᠳᠦᠷ ᠠᠳᠬᠤᠨ᠎ᠠ᠃ ᠬᠤᠳᠠ ᠪᠠᠯᠭᠠᠰᠤᠨ ᠤ ᠪᠠᠶᠢᠭᠤᠯᠤᠯᠳᠠ ᠶᠢᠨ ᠳᠠᠯ᠎ᠠ ᠪᠠᠷ᠂ ᠬᠤᠳᠠ ᠪᠠᠯᠭᠠᠰᠣᠨ ᠤ ᠪᠠᠶᠢᠭᠤᠯᠣᠯᠳᠠ ᠶᠢᠨ ᠴᠢᠨᠠᠷ ᠠᠭᠤᠯᠬᠤᠨ ᠢ ᠲᠡᠭᠡᠭᠰᠢᠯᠡᠭᠦᠯᠦᠨ᠂ ᠤᠯᠤᠰ ᠤᠨ ᠴᠡᠴᠡᠷᠯᠢᠭᠵᠢᠬᠦᠯᠬᠡ ᠶᠢᠨ ᠬᠤᠳᠠ ᠪᠠᠯᠭᠠᠰᠤ ᠪᠠ ᠪᠦᠬᠦ ᠤᠯᠤᠰ ᠤᠨ ᠰᠢᠶᠠᠨ ᠤ ᠳᠡᠰ ᠤᠨ ᠪᠤᠯᠪᠠᠰᠤᠨ ᠬᠤᠳᠠ ᠶᠢ ᠠᠮᠵᠢᠯᠳᠠ ᠲᠠᠢ ᠴᠣᠭᠴᠠᠯᠠᠨ᠎ᠠ᠃ ᠡᠭᠦᠯᠡᠨ ᠪᠣᠳᠣᠯᠳᠠ᠂ ᠪᠣᠳᠠᠰ ᠰᠦᠯᠵᠢᠶ᠎ᠡ᠂ ᠳ᠋ᠠᠶᠢᠲᠨ ᠵᠡᠷᠭᠡ ᠮᠡᠳᠡᠭᠡ ᠵᠠᠩᠬᠢᠴᠢᠯᠡᠯᠳᠡ ᠶᠢᠨ ᠮᠡᠷᠭᠡᠵᠢᠯ ᠤᠨ ᠰᠢᠨᠡᠴᠢᠯᠡᠯ ᠬᠢᠭᠡᠳ ᠬᠡᠷᠡᠭᠯᠡᠭᠡ ᠶᠢᠨ ᠲᠦᠭᠡᠮᠡᠯᠵᠢᠭᠦᠯᠦᠯᠳᠡ ᠶᠢ ᠠᠬᠢᠭᠤᠯᠵᠣ᠂ ᠣᠶᠣᠨᠴᠢᠯᠠᠭᠰᠠᠨ᠂ ᠲᠣᠭᠠᠴᠠᠯᠠᠭᠰᠠᠨ ᠬᠤᠳᠠ ᠪᠠᠯᠭᠠᠰᠦ ᠶᠢᠨ ᠣᠨᠣᠯᠵᠢᠭᠤᠨ ᠢ ᠬᠤᠳᠠ ᠪᠠᠯᠭᠠᠰᠣᠨ ᠤ ᠪᠠᠶᠢᠭᠤᠯᠣᠯᠳᠠ ᠳᠤ ᠰᠢᠮᠡᠳᠬᠡᠵᠣ᠂ ᠬᠤᠳᠠ ᠪᠠᠯᠭᠠᠰᠦᠨ ᠤ ᠪᠠᠶᠢᠭᠤᠯᠣᠯᠳᠠ ᠶᠢ ᠵᠠᠩᠬᠢᠴᠢᠯᠠᠭᠰᠡᠨ ᠬᠠᠮᠢᠶᠠᠷᠣᠯᠳᠠ ᠳᠡᠰᠢ ᠣᠷᠳᠣᠳᠬᠠᠵᠣ᠂ ᠬᠡᠪ ᠴᠢᠨᠰᠠᠭᠠᠳᠦ ᠬᠤᠳᠠ ᠪᠠᠯᠭᠠᠰᠦ ᠶᠢ ᠴᠣᠭᠴᠠᠯᠠᠨ᠎ᠠ᠃ ᠣᠯᠵᠠᠴᠢ ᠪᠠᠯᠭᠠᠰᠣᠨ ᠤ ᠬᠠᠭᠤᠴᠢᠨ ᠭᠡᠷ ᠪᠠᠶᠢᠰᠢᠩ ᠤᠨ ᠦᠭᠡᠷᠡᠴᠢᠯᠡᠯᠳᠡ᠂ ᠬᠤᠳᠠ ᠶᠢᠨ ᠵᠠᠮ ᠵᠡᠭᠡᠯᠢ᠂ ᠪᠣᠬᠢᠷ ᠣᠰᠣ ᠰᠢᠢᠳᠪᠦᠷᠢᠯᠡᠬᠦ ᠤᠶᠢᠯᠡᠤᠪᠤᠷᠢ ᠶᠢᠨ ᠪᠠᠷᠢᠮᠵᠢᠶ᠎ᠠ ᠶᠢ ᠳᠡᠬᠡᠭᠰᠢᠯᠡᠬᠦᠯᠬᠦ ᠦᠬᠡᠷᠡᠴᠢᠯᠠᠯᠳᠠ᠂ ᠭᠠᠵᠠᠷ ᠲᠣᠣᠷᠠᠬᠢ ᠲᠣᠣᠷ ᠬᠤᠭᠤᠯᠠᠢ ᠵᠢᠴᠢ ᠴᠡᠪᠡᠷᠰᠢᠬᠦᠯᠦᠭᠰᠡᠨ ᠤᠰᠤ ᠶᠢ ᠪᠤᠴᠠᠭᠠᠨ ᠬᠡᠷᠡᠭᠯᠡᠬᠦ᠂ ᠣᠶᠢᠵᠢᠭᠤᠯᠣᠯᠳᠠ᠂ ᠣᠰᠣ ᠵᠠᠯᠠᠬᠤ ᠵᠡᠷᠭᠡ ᠢᠨᠵᠧᠨᠧᠷᠢᠩ ᠤᠨ ᠪᠠᠶᠢᠭᠤᠯᠣᠯᠳᠠ ᠶᠢ ᠰᠠᠶᠢᠳᠦᠷ ᠠᠤᠨᠬᠤᠵᠤ᠂ ᠬᠤᠳᠠ ᠪᠠᠯᠭᠠᠰᠣᠨ ᠤ ᠠᠴᠢᠶᠠᠯᠠᠬᠤ ᠴᠢᠳᠠᠪᠬᠢ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ ᠰᠠᠭᠤᠷᠢᠨ ᠭᠠᠵᠠᠷ ᠤᠨ ᠪᠠᠶᠢᠭᠤᠯᠤᠯᠳᠠ ᠶᠢᠨ ᠳᠠᠯ᠎ᠠ ᠪᠠᠷ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠴᠠᠬᠢᠯᠭᠠᠨ ᠣᠶᠢᠯᠠᠳᠪᠦᠷᠢ ᠶᠢᠨ ᠵᠠᠰᠠᠮᠠᠯ ᠵᠠᠮ ᠤᠨ ᠬᠤᠯᠪᠣᠬᠤ ᠵᠠᠮ᠂ ᠬᠡᠣᠷᠠᠰᠦᠨ ᠰᠢᠭᠠᠷᠣ ᠶᠢᠨ ᠲᠠᠯᠠᠪᠠᠢ᠂ ᠪᠣᠬᠢᠷ ᠣᠰᠣ ᠰᠢᠢᠳᠪᠦᠷᠢᠯᠡᠬᠦ ᠵᠡᠷᠭᠡ ᠲᠦᠭᠦᠷᠴᠢᠯᠡᠭᠰᠡᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠰᠠᠶᠢᠵᠢᠷᠠᠭᠤᠯᠤᠨ᠂ ᠣᠶᠢᠯᠡᠴᠢᠯᠡᠭᠡᠨ ᠤ ᠴᠢᠳᠠᠪᠦᠷᠢ ᠶᠢ ᠲᠡᠭᠡᠭᠰᠢᠯᠡᠭᠦᠯᠦᠨ᠂ ᠰᠠᠭᠤᠷᠢᠨ ᠭᠠᠵᠠᠷ ᠬᠢᠭᠡᠳ ᠬᠤᠳᠠ ᠪᠠᠯᠭᠠᠰᠦ  ᠶᠢ  ᠠᠭᠤᠰᠤᠯᠴᠠᠭᠤᠯᠤᠨ ᠬᠦᠭᠵᠢᠭᠦᠯᠦᠨ᠎ᠡ᠃         ︵ᠭᠤᠷᠪᠠ︶ ᠠᠮᠢᠳᠣᠯᠢᠭ ᠬᠦᠴᠦᠨ ᠬᠦᠳᠡᠯᠭᠡᠭᠴᠢ ᠬᠦᠴᠦᠨ ᠢ ᠨᠡᠮᠡᠭᠳᠡᠭᠦᠯᠵᠣ᠂ ᠦᠭᠡᠷᠡᠴᠢᠯᠡᠯᠳᠡ ᠬᠢᠵᠣ ᠴᠢᠯᠦᠭᠡᠳᠡᠢ ᠶᠠᠪᠣᠯᠴᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠲᠡᠭᠡᠳᠦ ᠱᠠᠳᠣᠨ ᠤ ᠨᠢᠭᠡᠳᠦᠯᠳᠡᠢ ᠪᠠᠶᠢᠷᠢᠯᠠᠭᠤᠯᠣᠯᠳᠠ ᠶᠣᠰᠣᠭᠠᠷ᠂ ᠭᠤᠣᠯᠳᠠᠯᠭᠠᠳᠠᠢ ᠬᠦᠴᠢᠷᠳᠠᠯᠳᠠᠢ ᠠᠰᠠᠭᠤᠳᠠᠯ ᠳᠤ ᠴᠢᠭᠯᠡᠬᠦᠯᠤᠨ ᠦᠭᠡᠷᠡᠴᠢᠯᠡᠯᠳᠡ ᠶᠢᠨ ᠠᠬᠢᠴᠠ ᠶᠢ ᠲᠦᠷᠭᠡᠳᠬᠡᠵᠣ᠂ ᠴᠢᠬᠤᠯᠠ ᠬᠦᠷᠢᠶ᠎ᠡ ᠴᠠᠷᠠᠭ᠎ᠠ ᠪᠣᠯᠣᠨ ᠵᠠᠩᠬᠢᠯᠠᠭ᠎ᠠ ᠶᠢᠨ ᠭᠤᠭᠴᠣᠭᠠᠨ ᠤ ᠦᠭᠡᠷᠡᠴᠢᠯᠡᠯᠳᠡ ᠲᠡᠭᠡᠷ᠎ᠡ ᠴᠢᠬᠤᠯᠠ ᠰᠢᠪᠳᠣᠯᠣᠯᠳᠠ ᠭᠠᠷᠭᠠᠬᠤ ᠪᠠᠷ ᠴᠢᠷᠮᠠᠶᠢᠨ᠎ᠠ᠃ ᠠᠮᠢ ᠠᠬᠤᠢ ᠶᠢᠨ ᠪᠣᠯᠪᠠᠰᠣᠨ ᠤ ᠦᠭᠡᠷᠡᠴᠢᠯᠡᠯᠳᠡ ᠶᠢᠨ ᠲᠠᠯ᠎ᠠ ᠪᠠᠷ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠦᠷᠦᠩᠭᠡ ᠶᠢᠨ ᠬᠠᠮᠢᠶᠠᠷᠣᠯᠳᠠ ᠶᠢᠨ ᠲᠠᠪᠴᠠᠩ ᠤᠨ ᠣᠶᠢᠯᠡᠳᠦᠯᠭᠡ ᠲᠣᠮᠳᠠᠬᠢ ᠬᠡᠷᠡᠭᠯᠡᠯᠳᠡ ᠶᠢ ᠴᠢᠩᠭᠠᠳᠬᠠᠵᠣ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠦᠷᠦᠩᠭᠡ  ᠶᠢᠨ ᠬᠠᠮᠢᠶᠠᠷᠣᠯᠳᠠ ᠶᠢᠨ ᠲᠦᠷᠢᠮᠵᠢᠭᠰᠡᠨ᠂ ᠵᠠᠩᠬᠢᠵᠢᠭᠰᠠᠨ ᠬᠠᠮᠢᠶᠠᠷᠣᠯᠳᠠ ᠳᠤ ᠲᠣᠯᠭᠠᠭᠤᠷᠢᠯᠠᠯ ᠬᠠᠩᠭᠠᠨ᠎ᠠ︔ ᠪᠦᠬᠦ ᠬᠤᠳᠠ ᠳᠠᠭᠠᠨ ᠲᠡᠷᠢᠭᠦᠯᠡᠨ ᠪᠠᠶᠢᠭᠠᠯᠢ ᠶᠢᠨ ᠡᠬᠢ ᠰᠣᠷᠪᠣᠯᠵᠢ ᠶᠢᠨ ᠬᠦᠷᠦᠩᠭᠡ ᠶᠢᠨ ᠦᠨ᠎ᠡ ᠬᠠᠩᠰᠢ ᠶᠢᠨ ᠬᠡᠮᠵᠢᠶ᠎ᠡ ᠶᠢᠨ ᠬᠢᠨᠠᠨ ᠪᠣᠳᠣᠬᠤ ᠲᠣᠷᠰᠢᠯᠳᠠ ᠶᠢ ᠪᠦᠬᠦ ᠲᠠᠯ᠎ᠠ ᠪᠠᠷ ᠦᠷᠨᠢᠭᠦᠯᠵᠣ᠂ ᠪᠠᠶᠢᠭᠠᠯᠢ ᠶᠢᠨ ᠡᠬᠢ ᠰᠣᠷᠪᠣᠯᠵᠢ ᠶᠢᠨ ᠬᠦᠷᠦᠩᠭᠡ ᠶᠢ ᠬᠢᠨᠠᠨ ᠪᠣᠳᠣᠵᠣ ᠦᠨᠡᠯᠡᠬᠦ ᠰᠢᠰᠲ᠋ᠧᠮ ᠢ ᠣᠯᠠᠮ ᠲᠡᠭᠦᠯᠳᠡᠷᠵᠢᠭᠦᠯᠦᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠠᠬᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ  ᠤ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠲᠦᠷᠭᠡᠳᠬᠡᠵᠣ᠂ ᠭᠠᠵᠠᠷ ᠰᠢᠷᠣᠢ᠂ ᠨᠣᠳᠤᠭ ᠪᠡᠯᠴᠢᠭᠡᠷ᠂ ᠬᠠᠮᠳᠦ ᠶᠢᠨ ᠣᠢ ᠶᠢᠨ ᠲᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠭᠦᠯᠬᠦ ᠲᠦᠷᠢᠮ ᠢ ᠲᠡᠭᠦᠯᠳᠡᠷᠵᠢᠭᠦᠯᠦᠨ᠂ ᠲᠠᠭᠠᠭᠠᠴᠢᠯᠠᠨ ᠡᠵᠡᠩᠨᠡᠬᠦ ᠡᠷᠭᠡ ᠶᠢᠨ ᠲᠣᠯᠣᠭᠠᠶᠢᠯᠠᠭᠴᠢ ᠠᠵᠣ ᠠᠬᠤᠶᠢᠯᠠᠯ᠂ ᠲᠠᠷᠢᠵᠣ ᠲᠡᠵᠢᠭᠡᠬᠦ ᠲᠣᠮᠣ ᠡᠷᠦᠭᠡ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠨ ᠤ ᠲᠣᠰᠬᠠᠢ ᠬᠠᠮᠳᠣᠷᠠᠯ ᠬᠤᠷᠰᠢᠶ᠎ᠠ ᠳᠡᠰᠢ ᠰᠢᠯᠵᠢᠬᠦ ᠶᠢ ᠵᠣᠷᠢᠭᠵᠢᠭᠤᠯᠵᠣ᠂ ᠣᠯᠠᠨ ᠬᠡᠯᠪᠡᠷᠢ ᠶᠢᠨ ᠵᠣᠬᠢᠬᠤ ᠬᠡᠪᠴᠢᠶᠡᠵᠢᠯ ᠪᠦᠬᠦᠢ ᠡᠵᠡᠩᠨᠡᠯᠳᠡ ᠶᠢ ᠬᠦᠭᠵᠢᠭᠦᠯᠦᠨ᠎ᠡ᠃ ᠮᠠᠯ ᠲᠠᠷᠢᠶᠠᠯᠠᠩ ᠤᠨ ᠦᠵᠦᠭᠦᠷᠰᠢᠯ ᠨᠦᠬᠦᠪᠦᠷᠢ ᠶᠢᠨ ᠲᠣᠭᠳᠠᠴᠠ ᠪᠣᠯᠣᠨ ᠮᠠᠯᠴᠢᠨ ᠲᠠᠷᠢᠶᠠᠴᠢᠳ ᠠᠵᠣ ᠠᠬᠤᠶᠢᠯᠠᠯ ᠤᠨ ᠠᠰᠢᠭ ᠲᠣᠰᠠ ᠶᠢᠨ ᠬᠤᠯᠪᠣᠭᠠᠯᠠᠯ ᠤᠨ ᠲᠣᠭᠳᠠᠴᠠ ᠶᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠦᠭᠵᠢᠯᠳᠠ ᠶᠢᠨ ᠠᠮᠢᠳᠣᠯᠢᠭ ᠬᠦᠴᠦᠨ ᠢ ᠬᠦᠭᠵᠢᠭᠡᠨ᠎ᠡ᠃ ︽ᠲᠠᠯᠪᠢᠬᠤ ᠬᠠᠮᠢᠶᠠᠷᠬᠤ ᠣᠶᠢᠯᠡᠴᠢᠯᠡᠬᠦ︾ ᠦᠭᠡᠷᠡᠴᠢᠯᠡᠯᠳᠡ ᠶᠢᠨ ᠲᠠᠯ᠎ᠠ ᠪᠠᠷ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠭᠦᠨᠵᠡᠭᠡᠶᠢᠷᠡᠭᠦᠯᠵᠣ᠂ ︽ᠬᠤᠶᠠᠷ ᠲᠣᠭᠳᠠᠮᠠᠯ ᠪᠣᠰᠦ᠂ ᠨᠢᠭᠡ ᠢᠯᠡ︾ ᠬᠢᠨᠠᠯᠳᠠ ᠬᠠᠮᠢᠶᠠᠷᠣᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠤ᠂ ᠬᠢᠨᠠᠨ ᠵᠦᠪᠰᠢᠶᠡᠷᠬᠦ ᠲᠠᠩᠰᠠᠯᠠᠯᠳᠠ ᠶᠢᠨ ᠪᠦᠬᠦ ᠶᠠᠪᠣᠴᠠ ᠶᠢ ᠲᠦᠭᠦᠮᠴᠢᠯᠡᠨ᠎ᠡ᠃ ᠰᠢᠨᠵᠢᠯᠡᠭᠡ ᠮᠡᠷᠭᠡᠵᠢᠯ ᠤᠨ ᠰᠢᠨᠡᠴᠢᠯᠡᠯ ᠤᠨ ᠦᠭᠡᠷᠡᠴᠢᠯᠡᠯᠳᠡ ᠶᠢᠨ ᠲᠠᠯ᠎ᠠ ᠪᠠᠷ᠂ ᠰᠢᠨᠵᠢᠯᠡᠭᠡ ᠮᠡᠷᠭᠡᠵᠢᠯ ᠤᠨ ᠵᠠᠩᠬᠢᠯᠠᠭ᠎ᠠ ᠶᠢᠨ ᠮᠡᠷᠭᠡᠵᠢᠯ ᠤᠨ ᠪᠡᠷᠭᠡ ᠶᠢ ᠰᠢᠢᠳᠪᠦᠷᠢᠯᠡᠬᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠳᠦᠭᠡᠯ ᠤᠨ ᠬᠤᠪᠢᠷᠠᠭᠠᠯᠳᠠ ᠵᠡᠷᠭᠡ ᠪᠠᠷ ᠰᠢᠪᠳᠣᠯᠣᠯᠳᠠ ᠶᠢᠨ ᠴᠡᠭ ᠪᠣᠯᠭᠠᠵᠣ᠂ ᠣᠯᠣᠰ ᠠᠯᠣᠰᠯᠠᠭᠰᠠᠨ ᠠᠺᠠᠳᠧᠮᠢᠴᠢ ᠴᠢᠳᠠᠪᠦᠷᠢᠳᠠᠨ ᠤ ᠠᠵᠢᠯ ᠤᠨ ᠦᠷᠳᠡᠭᠡ᠂ ᠮᠠᠯ ᠲᠠᠷᠢᠶᠠᠯᠠᠩ  ᠤᠨ ᠰᠢᠨᠵᠢᠯᠡᠭᠡ ᠮᠡᠷᠭᠡᠵᠢᠯ ᠲᠦᠭᠡᠮᠡᠯᠵᠢᠭᠦᠯᠬᠦ ᠲᠠᠭᠤᠷᠢᠶᠠᠯ ᠬᠦᠷᠢᠶᠡᠯᠡᠩ᠂ ᠵᠠᠯᠠᠭᠤᠴᠣᠳ ᠤᠨ ᠣᠶᠢᠯᠠᠰ ᠪᠣᠰᠬᠠᠬᠤ ᠬᠦᠷᠢᠶᠠᠯᠠᠩ᠂ ᠡᠯᠧᠺᠲᠷᠣᠨ ᠠᠷᠠᠯᠵᠢᠶᠠᠨ ᠤ ᠠᠵᠣ ᠣᠶᠢᠯᠠᠰ ᠤᠨ ᠬᠦᠷᠢᠶᠡᠯᠡᠩ ᠵᠡᠷᠭᠡ ᠣᠶᠢᠯᠠᠰ ᠪᠦᠳᠦᠭᠡᠬᠦ ᠲᠠᠪᠴᠠᠩ ᠢᠶᠠᠷ ᠠᠴᠢᠶᠠᠯᠠᠭᠴᠢ ᠪᠣᠯᠭᠠᠵᠣ᠂ ᠰᠢᠨᠵᠢᠯᠡᠭᠡ ᠮᠡᠷᠭᠡᠵᠢᠯ ᠤᠨ ᠰᠢᠨᠡᠴᠢᠯᠡᠯ ᠤᠨ ᠬᠡᠯᠪᠡᠷᠢ ᠶᠢᠨ ᠴᠢᠳᠠᠪᠦᠷᠢᠳᠠᠨ ᠢ ᠬᠦᠮᠦᠵᠢᠭᠦᠯᠬᠦ ᠪᠠᠷ ᠲᠣᠯᠭᠠᠭᠤᠷᠢᠯᠠᠯ ᠪᠣᠯᠭᠠᠨ᠂ ᠰᠢᠨᠵᠢᠯᠡᠭᠡ ᠮᠡᠷᠭᠡᠵᠢᠯ ᠤᠨ ᠲᠣᠭᠳᠠᠴᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠣ᠂ ᠲᠠᠶᠠᠭᠠᠷ ᠣᠯᠠᠨ ᠤ ᠣᠶᠢᠯᠠᠰ ᠪᠦᠳᠦᠭᠡᠯᠳᠡ᠂ ᠲᠦᠮᠡᠨ ᠣᠯᠠᠨ ᠤ ᠰᠢᠨ᠎ᠠ ᠶᠢ ᠡᠭᠦᠳᠦᠯᠳᠡ ᠳᠤ ᠣᠬᠢ ᠣᠷᠴᠢᠨ ᠪᠦᠷᠢᠯᠳᠦᠭᠦᠯᠦᠨ᠎ᠡ᠃ ᠭᠠᠳᠠᠭᠰᠢ ᠴᠢᠯᠦᠭᠡᠳᠡᠢ ᠶᠠᠪᠣᠯᠴᠠᠬᠤ ᠦᠭᠡᠷᠡᠴᠢᠯᠡᠯᠳᠡ ᠶᠢᠨ ᠲᠠᠯ᠎ᠠ ᠪᠠᠷ᠂ ᠬᠦᠬᠡᠬᠤᠳᠠ ᠪᠣᠭᠤᠳᠦ ᠣᠷᠳᠣᠰ ᠤᠨ ᠬᠠᠮᠳᠣᠷᠠᠭᠰᠠᠨ ᠬᠦᠭᠵᠢᠯᠳᠠ ᠶᠢᠨ ᠲᠣᠬᠢᠶᠠᠯ ᠢ ᠡᠵᠡᠮᠳᠡᠵᠣ᠂ ᠬᠦᠬᠡᠬᠤᠳᠠ ᠪᠣᠭᠤᠳᠦ ᠣᠷᠳᠣᠰ ᠯᠤᠭ᠎ᠠ ᠶᠢᠨ ᠬᠠᠷᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠣ᠂ ᠢᠷᠭᠠᠢ ᠯᠤᠭ᠎ᠠ ᠶᠢᠨ ᠰᠢᠨᠵᠢᠯᠡᠭᠡ ᠮᠡᠷᠭᠡᠵᠢᠯ᠂ ᠰᠣᠷᠭᠠᠨ ᠬᠦᠮᠦᠵᠢᠯ᠂ ᠡᠮ ᠡᠮᠴᠢᠯᠡᠭᠡ ᠵᠡᠷᠭᠡ ᠬᠦᠷᠢᠶ᠎ᠡ ᠴᠠᠷᠠᠭ᠎ᠠ ᠳᠠᠬᠢ ᠬᠠᠮᠳᠣᠷᠠᠯᠴᠠᠭ᠎ᠠ ᠪᠠᠨ ᠣᠯᠠᠮ ᠴᠢᠩᠭᠠᠳᠬᠠᠨ᠂ ᠠᠷᠠᠯᠵᠢᠶᠠᠴᠢᠨ ᠣᠷᠢᠵᠣ ᠪᠡᠯᠡ ᠲᠠᠳᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠣ᠂ ᠠᠵᠣ ᠣᠶᠢᠯᠠᠰ ᠤᠨ ᠬᠦᠭᠵᠢᠯᠳᠡ ᠶᠢᠨ ᠬᠠᠮᠳᠣᠷᠠᠯᠴᠠᠬᠤ ᠬᠦᠴᠦᠨ ᠪᠣᠯᠣᠨ ᠦᠷᠢᠰᠬᠦ ᠬᠦᠴᠣᠨ ᠢᠶᠠᠨ ᠴᠢᠩᠭᠠᠳᠬᠠᠨ᠎ᠠ᠃ ᠪᠣᠳᠠᠳᠦ ᠴᠣᠭᠴᠠ ᠶᠢᠨ ᠠᠵᠣ ᠠᠬᠤᠢ ᠶᠢᠨ ᠦᠭᠡᠷᠡᠴᠢᠯᠡᠯᠳᠡ ᠶᠢᠨ ᠲᠠᠯ᠎ᠠ ᠪᠠᠷ᠂ ᠪᠣᠳᠠᠳᠦ ᠴᠣᠭᠴᠠ ᠶᠢᠨ ᠠᠵᠣ ᠠᠬᠤᠢ ᠶᠢᠨ ᠭᠤᠣᠯ ᠴᠣᠭᠴᠠ ᠶᠢ ᠲᠡᠮᠵᠢᠨ ᠪᠣᠵᠠᠭᠠᠶᠢᠷᠠᠭᠤᠯᠵᠣ᠂ ᠲᠣᠮᠳᠠ ᠪᠠᠭ᠎ᠠ ᠵᠢᠵᠢᠭ ᠠᠵᠣ ᠠᠬᠤᠶᠢᠯᠠᠯ ᠢ ᠲᠡᠮᠵᠢᠨ ᠬᠦᠭᠵᠢᠯᠳᠡ ᠶᠢ ᠨᠢ ᠲᠦᠷᠭᠡᠳᠬᠡᠨ᠎ᠡ︔ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠢ ᠶᠢ ᠰᠢᠯᠢᠳᠡᠭᠵᠢᠭᠦᠯᠵᠣ᠂ ᠪᠣᠳᠠᠳᠦ ᠴᠣᠭᠴᠠ ᠶᠢᠨ ᠠᠵᠣ ᠠᠬᠤᠢ ᠳᠤ ᠠᠷᠠᠳ ᠠᠴᠠ ᠪᠡᠯᠡ ᠣᠷᠣᠭᠤᠯᠬᠤ ᠶᠢ ᠵᠣᠷᠢᠭᠵᠢᠭᠤᠯᠣᠨ᠂ ᠪᠣᠳᠠᠳᠦ ᠴᠣᠭᠴᠠ ᠶᠢᠨ ᠠᠵᠣ ᠠᠬᠤᠢ ᠶᠢᠨ ᠬᠡᠪᠴᠢᠶᠡᠵᠢᠯ ᠢ ᠦᠷᠭᠡᠳᠬᠡᠨ ᠬᠦᠭᠵᠢᠯᠳᠡ ᠶᠢ ᠲᠦᠷᠭᠡᠳᠬᠡᠵᠣ᠂ ᠡᠵᠡᠯᠡᠬᠦ ᠬᠠᠷᠢᠴᠠᠯ᠂ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠡ᠃        ︵ᠲᠦᠷᠪᠠ︶ ᠪᠠᠳᠣᠯᠠᠭ᠎ᠠ ᠶᠢ ᠴᠢᠩᠭᠠᠳᠬᠠᠨ ᠠᠷᠠᠤᠨ ᠤᠨ ᠠᠮᠢᠳᠤᠷᠠᠯ ᠢ ᠬᠠᠷᠠᠭᠠᠯᠵᠠᠵᠣ᠂ ᠠᠷᠠᠤᠨ ᠤᠯᠠᠨ ᠤ ᠠᠰᠢᠭ ᠵᠢᠷᠭᠠᠯ ᠢ ᠦᠷᠭᠦᠯᠵᠢᠯᠡᠨ ᠨᠡᠮᠡᠭᠳᠡᠬᠦᠯᠤᠨ᠎ᠠ᠃ ᠠᠷᠠᠤᠨ ᠢ ᠬᠠᠷᠠᠭᠠᠯᠵᠠᠬᠤ ᠡᠯ᠎ᠡ ᠲᠦᠷᠤᠯ ᠤᠨ ᠠᠷᠭ᠎ᠠ ᠠᠪᠴᠠᠯ ᠢ ᠰᠠᠶᠢᠳᠤᠷ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠬᠦ ᠪᠠᠷ ᠲᠦᠰᠢᠭ ᠪᠣᠯᠭᠠᠨ᠂ ᠣᠶᠢᠯᠠᠰ ᠪᠦᠳᠦᠭᠡᠯᠭᠡᠨ ᠠᠵᠢᠯ ᠣᠯᠭᠤᠬᠤ ᠪᠠᠷ ᠲᠣᠯᠭᠠᠭᠤᠷᠢᠯᠠᠯ ᠪᠣᠯᠭᠠᠵᠣ᠂ ᠨᠠᠭᠠᠳᠦ ᠵᠠᠬ᠎ᠠ ᠪᠠᠷ ᠪᠠᠳᠣᠯᠠᠭ᠎ᠠ ᠪᠣᠯᠭᠠᠭᠰᠠᠨ ᠨᠡᠶᠢᠭᠡᠮ ᠤᠨ ᠪᠠᠳᠣᠯᠠᠭ᠎ᠠ ᠶᠢᠨ ᠰᠢᠰᠲ᠋ᠧᠮ ᠢ ᠪᠠᠶᠢᠭᠤᠯᠵᠣ᠂ ᠠᠷᠠᠤᠨ ᠤᠯᠠᠨ ᠤ ᠠᠮᠢᠳᠤᠷᠠᠯ ᠳᠤ ᠡᠶ᠎ᠡ ᠵᠣᠬᠢᠴᠠᠯᠳᠦ ᠪᠠᠳᠣᠯᠠᠭ᠎ᠠ ᠬᠠᠩᠭᠠᠨ᠎ᠠ᠃ ᠶᠠᠳᠠᠭᠤ ᠶᠢ ᠳᠡᠤᠨᠬᠦᠬᠦ ᠪᠠᠳᠣᠯᠠᠭ᠎ᠠ ᠶᠢ ᠰᠠᠶᠢᠳᠦᠷ ᠠᠳᠬᠤᠬᠤ ᠳᠠᠯ᠎ᠠ ᠪᠠᠷ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠤᠨᠬᠦᠬᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠣ᠂ ᠶᠠᠳᠠᠭᠤ ᠶᠢ ᠲᠡᠳᠬᠦᠬᠦ ᠲᠣᠭᠳᠠᠴᠠ ᠶᠢ ᠰᠢᠨᠡᠴᠢᠯᠡᠨ᠂ ︽ᠵᠢᠷᠭᠤᠭᠠᠨ ᠨᠠᠷᠢᠯᠢᠭ︾᠂ ︽ᠳᠠᠪᠤᠨ ᠪᠦᠯᠦᠭ ᠬᠤᠪᠢᠶᠠᠬᠤ︾ ᠪᠠ ︽ᠭᠤᠷᠪᠡ ᠶᠢ ᠭᠠᠴᠠᠭ᠎ᠠ ᠲᠣᠰᠬᠤᠨ ᠡᠷᠦᠬᠡ ᠳᠤ ᠬᠦᠷᠭᠡᠬᠦ︾ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠣ᠂ ᠬᠤᠪᠢᠳᠠᠭᠤᠯᠣᠨ ᠲᠡᠳᠬᠦᠬᠦ᠂ ᠲᠣᠭᠳᠠᠮᠠᠯ ᠲᠡᠳᠬᠦᠬᠦ ᠬᠦᠴᠦᠯᠡᠴᠡ ᠪᠠᠨ ᠨᠡᠮᠡᠭᠳᠡᠭᠦᠯᠵᠣ᠂ ᠡᠷᠦᠬᠡ ᠬᠦᠮᠦᠨ ᠳᠤ ᠨᠢ ᠲᠣᠬᠢᠷᠠᠭᠤᠯᠣᠨ ᠠᠷᠭ᠎ᠠ ᠪᠣᠳᠣᠯᠭ᠎ᠠ ᠠᠪᠴᠦ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠳᠦᠭᠡᠯ  ᠢᠶᠠᠨ ᠪᠠᠬᠢᠵᠢᠭᠦᠯᠦᠨ ᠲᠡᠭᠡᠭᠰᠢᠯᠡᠭᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠦᠵᠢᠯ ᠤᠨ ᠲᠠᠭᠠᠳᠬᠠᠯ ᠪᠣᠯᠣᠨ ᠪᠦᠬᠦ ᠠᠷᠠᠳ ᠤᠨ ᠡᠮ ᠡᠮᠴᠢᠯᠡᠭᠡᠨ  ᠤ ᠲᠠᠭᠠᠳᠬᠠᠯ ᠢ ᠦᠷᠭᠡᠳᠬᠡᠬᠦ ᠠᠵᠢᠯ ᠢ ᠴᠢᠩᠭᠠᠳᠬᠠᠵᠣ᠂ ᠠᠵᠣ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠦᠨᠳᠦᠰᠦᠨ ᠨᠠᠰᠣᠵᠢᠯ ᠤᠨ ᠮᠦᠩᠭᠦ᠂ ᠨᠡᠶᠢᠭᠡᠮ  ᠤᠨ ᠪᠠᠳᠣᠯᠠᠭ᠎ᠠ᠂ ᠲᠣᠣᠷ᠎ᠠ ᠪᠠᠳᠣᠯᠠᠭ᠎ᠠ᠂ ᠡᠮ ᠡᠮᠴᠢᠯᠡᠭᠡᠨ ᠤ ᠲᠠᠭᠠᠳᠬᠠᠯ ᠤᠨ ᠪᠡᠯᠡ ᠬᠤᠷᠠᠮᠳᠣᠭᠤᠯᠬᠤ ᠪᠠᠷᠢᠮᠵᠢᠶ᠎ᠠ ᠶᠢ ᠲᠡᠭᠡᠭᠰᠢᠯᠡᠭᠦᠯᠦᠨ᠎ᠡ᠃ ᠤᠶᠢᠯᠡᠰ ᠪᠦᠳᠤᠬᠡᠯᠳᠠ ᠠᠵᠢᠯ ᠤᠯᠭᠤᠯᠳᠠ ᠶᠢᠨ ᠣᠷᠴᠢᠨ ᠢ ᠰᠠᠶᠢᠵᠢᠷᠠᠭᠤᠯᠬᠤ ᠳᠠᠯ᠎ᠠ ᠪᠠᠷ᠂ ᠣᠯᠵᠠᠴᠢ ᠪᠠᠯᠭᠠᠰᠦᠨ ᠤ ᠮᠠᠯᠴᠢᠨ ᠲᠠᠷᠢᠶᠠᠴᠢᠨ ᠤ ᠣᠶᠢᠯᠠᠰ ᠪᠤᠰᠬᠠᠬᠤ ᠬᠦᠷᠢᠶᠡᠯᠡᠩ ᠢᠶᠠᠷ ᠭᠤᠣᠯ ᠴᠣᠭᠴᠠ ᠪᠣᠯᠭᠠᠭᠰᠠᠨ ᠣᠶᠢᠯᠠᠰ ᠪᠦᠳᠦᠭᠡᠨ ᠠᠵᠢᠯ ᠣᠯᠬᠤ ᠲᠠᠪᠴᠠᠩ ᠪᠠᠶᠢᠭᠤᠯᠵᠣ᠂ ᠣᠶᠢᠯᠠᠰ ᠪᠣᠰᠬᠠᠬᠤ ᠪᠣᠯᠪᠠᠰᠣᠷᠠᠯ᠂ ᠣᠶᠢᠯᠠᠰ ᠪᠣᠰᠬᠠᠬᠤ ᠵᠢᠯᠣᠭᠤᠳᠣᠯᠭ᠎ᠠ᠂ ᠠᠵᠣ ᠠᠬᠤᠶᠢᠯᠠᠯ ᠤᠨ ᠲᠠᠩᠰᠠᠯᠠᠯᠳᠡ᠂ ᠪᠠᠭ᠎ᠠ ᠲᠣᠭᠠᠨ ᠤ ᠲᠠᠭᠠᠭᠠᠯᠳᠠᠳᠦ ᠵᠢᠭᠡᠯᠡᠯᠭᠡ ᠶᠢ ᠴᠣᠭᠴᠠᠵᠢᠭᠤᠯᠣᠭᠰᠠᠨ ᠣᠶᠢᠯᠠᠰ ᠪᠣᠰᠬᠠᠨ ᠠᠵᠢᠯ ᠣᠯᠬᠤ ᠣᠶᠢᠯᠡᠴᠢᠯᠡᠭᠡᠨ ᠤ ᠲᠣᠭᠳᠠᠴᠠ ᠶᠢ ᠪᠠᠶᠢᠭᠤᠯᠣᠨ᠂ ᠣᠶᠢᠯᠠᠰ ᠪᠣᠰᠬᠠᠨ ᠠᠵᠢᠯ ᠣᠯᠬᠤ ᠰᠠᠭᠤᠷᠢ ᠶᠢ ᠪᠠᠬᠢᠵᠢᠭᠦᠯᠦᠨ᠎ᠡ᠃ ᠣᠶᠣᠳᠠᠳ ᠲᠤ ᠲᠣᠭᠳᠠᠪᠦᠷᠢᠳᠡᠢ ᠠᠵᠢᠯ ᠣᠯᠭᠤᠬᠤ ᠶᠢ ᠢᠳᠡᠪᠬᠢᠳᠡᠢ ᠠᠬᠢᠭᠤᠯᠣᠨ᠂ ᠬᠤᠳᠠ ᠪᠠᠯᠭᠠᠰᠣᠨ ᠤ ᠠᠵᠢᠯ ᠣᠯᠣᠭᠰᠠᠨ ᠬᠦᠮᠦᠨ ᠠᠮᠠ ᠲᠣᠭᠳᠠᠭᠤᠨ ᠢᠶᠠᠷ ᠨᠡᠮᠡᠭᠳᠡᠬᠦ ᠶᠢ ᠪᠠᠳᠣᠯᠠᠵᠣ᠂ ᠪᠦᠬᠦ ᠵᠢᠯ ᠳᠤ ᠬᠤᠳᠠ ᠪᠠᠯᠭᠠᠰᠤᠨ ᠤ ᠳᠠᠩᠰᠠᠯᠠᠯᠳᠠ ᠲᠠᠢ ᠠᠵᠢᠯ ᠠᠯᠳᠠᠯᠳᠠ ᠶᠢᠨ ᠨᠤᠷᠮ᠎ᠠ ᠶᠢ 3% ᠳᠤᠳᠤᠷ᠎ᠠ ᠬᠢᠵᠠᠭᠠᠷᠯᠠᠨ᠎ᠠ᠃ ᠰᠤᠷᠭᠠᠨ ᠬᠦᠮᠤᠵᠢᠯ ᠤᠨ ᠰᠠᠭᠤᠷᠢ ᠲᠦᠬᠦᠭᠡᠷᠦᠮᠵᠢ ᠶᠢ ᠴᠢᠩᠭᠠᠳᠬᠠᠬᠤ ᠳᠠᠯ᠎ᠠ ᠪᠠᠷ᠂ ᠬᠡᠣᠬᠡᠳ ᠤᠨ ᠴᠡᠴᠡᠷᠯᠢᠭ ᠢ ᠰᠢᠨ᠎ᠡ ᠪᠠᠷ 2 ᠪᠠᠶᠢᠭᠤᠯᠵᠣ᠂ ᠡᠯ᠎ᠡ ᠪᠠᠭ᠎ᠠ ᠰᠣᠷᠭᠠᠭᠤᠯᠢ᠂ ᠬᠡᠣᠬᠡᠳ ᠤᠨ ᠴᠡᠴᠡᠷᠯᠢᠭ ᠤᠨ ᠲᠦᠬᠦᠷᠴᠢᠯᠡᠭᠰᠡᠨ ᠲᠦᠬᠦᠭᠡᠷᠦᠮᠵᠢ ᠶᠢᠨ ᠪᠠᠶᠢᠭᠤᠯᠣᠯᠳᠠ ᠶᠢ ᠲᠡᠭᠦᠯᠳᠡᠷᠵᠢᠭᠦᠯᠦᠨ᠎ᠡ︔ ᠪᠠᠭᠰᠢ ᠶᠢᠨ ᠡᠩᠨᠡᠭᠡᠨ ᠤ ᠪᠠᠶᠢᠭᠤᠯᠣᠯᠳᠠ ᠶᠢ ᠰᠢᠯᠢᠳᠡᠭᠵᠢᠭᠦᠯᠵᠣ᠂  ︽ᠨᠡᠷᠡᠳᠦ ᠵᠠᠬᠢᠷᠣᠯ︾ ᠪᠣᠯᠣᠨ ᠰᠢᠯᠢᠳᠡᠭ ᠪᠠᠭᠰᠢ ᠣᠷᠢᠨ ᠬᠡᠷᠡᠭᠯᠡᠬᠦ ᠢᠨᠵᠧᠨᠧᠷᠢᠩ ᠢ ᠬᠡᠷᠡᠭᠵᠢᠭᠦᠯᠵᠣ᠂ ᠰᠤᠷᠭᠠᠨ ᠬᠦᠮᠤᠵᠢᠯ ᠵᠢᠭᠠᠨ ᠰᠣᠷᠭᠠᠯᠳᠠ ᠶᠢᠨ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ ᠡᠮ ᠡᠮᠴᠢᠯᠡᠭᠡ ᠡᠷᠡᠬᠦᠯ ᠬᠠᠮᠠᠭᠠᠯᠠᠯ ᠡᠷᠡᠭᠦᠯ ᠮᠡᠨᠳᠦ ᠶᠢᠨ ᠲᠦᠪᠰᠢᠨ ᠢ ᠲᠡᠭᠡᠭᠰᠢᠯᠡᠭᠦᠯᠬᠦ ᠳᠠᠯ᠎ᠠ ᠪᠠᠷ᠂ ︽ᠡᠮᠨᠡᠬᠦ ᠰᠣᠪᠢᠯᠠᠬᠤ ᠶᠢ ᠣᠶᠠᠯᠳᠣᠭᠤᠯᠣᠭᠰᠠᠨ︾ ᠡᠷᠡᠭᠦᠯᠵᠢᠯ ᠰᠣᠪᠢᠯᠠᠯ ᠤᠨ ᠣᠶᠢᠯᠠᠰ ᠢ ᠶᠡᠭᠡ ᠪᠠᠷ ᠬᠦᠭᠵᠢᠭᠦᠯᠵᠣ᠂ ᠮᠤᠩᠭᠤᠯ ᠡᠮᠴᠢ ᠨᠠᠷ ᠤᠨ ᠱᠠᠪᠢ ᠲᠠᠭᠠᠭᠤᠯᠬᠤ 10 ᠲᠣᠷᠰᠢᠯᠳᠡ ᠶᠢᠨ ᠴᠡᠭ ᠲᠣᠭᠳᠠᠭᠠᠵᠣ᠂ ᠮᠣᠩᠭᠤᠯ ᠡᠮ ᠡᠮᠨᠡᠯᠭᠡ ᠶᠢᠨ ᠲᠠᠩᠭᠢᠮ 6 ᠪᠠᠶᠢᠭᠤᠯᠣᠨ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠪᠣᠯᠣᠨ ᠠᠵᠠᠳᠠᠢ ᠰᠣᠪᠢᠯᠠᠯ ᠤᠨ ᠬᠦᠷᠢᠶᠡᠯᠡᠩ ᠢ ᠪᠦᠬᠦ ᠣᠷᠣᠨ ᠤ ︽ᠡᠮᠨᠡᠬᠦ ᠰᠣᠪᠢᠯᠠᠬᠤ ᠶᠢ ᠣᠶᠠᠯᠳᠣᠭᠤᠯᠣᠭᠰᠠᠨ︾ ᠡᠷᠡᠭᠦᠯᠵᠢᠯ ᠰᠣᠪᠢᠯᠠᠯ ᠤᠨ ᠣᠶᠢᠯᠠᠰ  ᠤᠨ ᠲᠠᠭᠤᠷᠢᠶᠠᠯ ᠲᠣᠭᠤᠷᠢᠭ ᠪᠣᠯᠭᠠᠨ ᠴᠣᠭᠴᠠᠯᠠᠨ᠎ᠠ᠃ ᠡᠷᠡᠭᠦᠯ ᠬᠠᠮᠠᠭᠠᠯᠠᠯ ᠤᠨ ᠬᠤᠷᠢᠶ᠎ᠡ ᠶᠢ ᠰᠢᠨ᠎ᠡ ᠪᠠᠷ 3 ᠪᠠᠶᠢᠭᠤᠯᠵᠣ᠂ ᠠᠯᠣᠰ ᠠᠴᠠ ᠣᠨᠣᠰᠢᠯᠠᠬᠤ᠂ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ᠂ ᠬᠦᠩᠭᠡᠵᠢᠬᠦ ᠨᠠᠰᠣᠨ ᠤ ᠡᠮᠡᠭᠳᠡᠶᠢᠴᠢᠳ ᠤᠨ  ︽ᠬᠤᠶᠠᠷ ᠦᠮᠠᠨ︾ ᠤ ᠵᠠᠷᠣᠳᠠᠯ ᠦᠯᠦ ᠬᠤᠷᠢᠶᠠᠬᠤ ᠰᠢᠭᠰᠢᠯ ᠪᠠᠶᠢᠴᠠᠭᠠᠯᠳᠠ᠂ ᠪᠠᠴᠢᠮ ᠠᠪᠣᠷᠠᠯᠳᠠ ᠶᠢᠨ ︽ᠡᠮ ᠤᠨ ᠬᠠᠶᠢᠷᠴᠠᠭ︾ ᠲᠦᠭᠡᠭᠡᠬᠦ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠣ᠂ ᠦᠨᠳᠦᠰᠦᠨ ᠡᠮ ᠡᠮᠴᠢᠯᠡᠭᠡᠨ ᠤ ᠣᠶᠢᠯᠡᠴᠢᠯᠡᠭᠡᠨ ᠤ ᠨᠦᠬᠦᠴᠡᠯ ᠢ ᠰᠠᠶᠢᠵᠢᠷᠠᠭᠤᠯᠣᠨ᠎ᠠ᠃ ᠰᠤᠶᠤᠯ ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ  ᠳᠠᠯ᠎ᠠ  ᠪᠠᠷ᠂ ᠣᠷᠣᠨ ᠨᠣᠳᠤᠭ ᠤᠨ ᠰᠣᠶᠣᠯ ᠤᠨ ᠡᠬᠢ ᠰᠣᠷᠪᠣᠯᠵᠢ ᠶᠢᠨ ᠲᠠᠪᠠᠭᠤᠯᠢᠭ ᠢ ᠭᠦᠢᠴᠡᠳ ᠠᠭᠤᠳᠠᠯᠠᠵᠣ᠂ ᠨᠢᠭᠡ ᠪᠦᠯᠦᠭ ᠰᠣᠶᠣᠯ ᠤᠨ ᠰᠣᠳᠣᠨ ᠪᠦᠳᠦᠭᠡᠯ ᠭᠠᠷᠭᠠᠵᠣ᠂ ︽ᠰᠣᠶᠣᠯ ᠣᠷᠠᠯᠢᠭ ᠢ ᠬᠦᠳᠡᠭᠡ ᠪᠠᠭᠤᠯᠭᠠᠬᠤ︾ ᠠᠵᠢᠯᠯᠠᠭ᠎ᠠ ᠦᠷᠨᠢᠭᠦᠯᠵᠣ᠂ ᠠᠷᠠᠳ ᠤᠨ ᠣᠷᠠᠯᠢᠭ ᠤᠨ ᠠᠵᠣ ᠣᠶᠢᠯᠠᠰ ᠢ ᠲᠡᠮᠵᠢᠨ ᠬᠦᠴᠦᠷᠭᠡᠭᠵᠢᠭᠦᠯᠵᠣ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠢ ᠰᠣᠷᠳᠠᠯᠴᠢᠯᠠᠨ᠂ ᠲᠠᠮᠢᠷ ᠤᠨ ᠣᠷᠣᠯᠳᠣᠭᠠᠨ ᠦᠷᠨᠢᠭᠦᠯᠵᠣ᠂ ᠣᠯᠠᠨ ᠲᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠣᠨ᠎ᠠ᠃ ᠠᠶᠣᠯᠬᠦᠢ ᠣᠶᠢᠯᠠᠳᠪᠦᠷᠢᠯᠡᠯ᠂ ᠨᠡᠶᠢᠭᠡᠮ ᠤᠨ ᠵᠠᠰᠠᠯᠳᠠ᠂ ᠢᠳᠡᠭᠡᠨ ᠤ ᠠᠮᠣᠷ ᠲᠦᠪᠰᠢᠨ᠂ ᠠᠮᠣᠷ ᠠᠮᠣᠭᠤᠯᠠᠩ ᠡᠮᠦᠨᠡᠳᠦ ᠣᠳᠤᠭ ᠤᠨ ᠪᠠᠶᠢᠭᠤᠯᠣᠯᠳᠠ ᠵᠡᠷᠭᠡ ᠡᠯ᠎ᠡ ᠲᠦᠷᠦᠯ ᠤᠨ ᠠᠵᠢᠯ ᠢ ᠰᠠᠶᠢᠳᠦᠷ ᠠᠳᠬᠤᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ  ᠳᠤ ᠣᠬᠢ ᠣᠷᠴᠢᠨ ᠪᠦᠷᠢᠯᠳᠦᠭᠦᠯᠦᠨ᠎ᠡ᠃       ᠲᠦᠯᠤᠬᠡᠯᠡᠭᠴᠢᠤᠨ ᠡ᠂ 2017 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠠᠵᠢᠯ ᠢ ᠰᠠᠶᠢᠳᠤᠷ ᠬᠢᠬᠦ ᠳᠤ ᠡᠬᠦᠷᠬᠡ ᠬᠦᠨᠳᠤ ᠵᠠᠮ ᠬᠤᠯᠠ᠂ ᠤᠴᠢᠷ ᠤᠤᠠᠬ᠎ᠠ ᠬᠦᠨ ᠪᠤᠢ᠃ ᠪᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠦᠴᠦᠳᠦ ᠤᠳᠤᠷᠢᠳᠤᠯᠭ᠎ᠠ ᠳᠤᠤᠷ᠎ᠠ ᠰᠢᠢᠤᠨᠮᠡᠭ ᠵᠤᠷᠢᠭ ᠢᠶᠠᠷ ᠪᠦᠯᠬᠦᠮᠳᠡᠨ ᠲᠠᠮᠠᠴᠡᠵᠣ᠂ ᠰᠡᠳᠬᠢᠯ ᠨᠢᠭᠡᠳᠦᠨ ᠬᠦᠴᠦᠨ ᠬᠠᠮᠳᠣᠳᠬᠠᠵᠣ ᠬᠦᠴᠢᠷ ᠢ ᠢᠯᠡᠨ᠂ ᠠᠵᠣ ᠠᠬᠤᠢ ᠨᠡᠶᠢᠭᠡᠮ ᠤᠨ ᠡᠯ᠎ᠡ ᠲᠦᠷᠦᠯ ᠤᠨ ᠬᠠᠷᠠᠯᠳᠡ ᠡᠬᠦᠷᠭᠡ  ᠪᠠᠨ ᠪᠦᠬᠦ ᠲᠠᠯ᠎ᠠ ᠪᠠᠷ ᠪᠡᠶᠡᠯᠡᠭᠦᠯᠵᠣ᠂ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ ᠵᠢᠷᠦᠮ ᠰᠠᠶᠢᠨ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠪᠠᠶᠢᠭᠤᠯᠬᠤ ᠪᠠᠷ ᠬᠦᠴᠦᠨ ᠴᠢᠳᠠᠯ ᠢᠶᠠᠨ ᠨᠡᠮᠡᠷᠢᠯᠡᠰᠦᠭᠡᠢ︕
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ