ᠤᠳᠤᠭ ᠤᠨ ᠡᠮᠥᠨᠡᠳᠤ ᠬᠤᠰᠢᠭᠤᠨ ᠤ 2016 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2017 ᠤᠨ ᠤ ᠡᠳ᠋ ᠤᠨ | ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | —— 2017 ᠤᠨ ᠤ 2 ᠰᠠᠷ᠎ᠠ ᠶᠢᠨ 8 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2016 ᠤᠨ ᠤ ᠡᠳ᠋ ᠤᠨ ᠵᠠᠰᠠᠭ ᠤᠨ | ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2017 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ | ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ | ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2016 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2016 ᠤᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ | ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ ᠳᠠᠮᠵᠢᠯᠬᠡ ᠳᠤᠤᠷ᠎ᠠ᠂ ᠣᠷᠣᠯᠭ᠎ᠠ ᠶᠢ ᠠᠤᠨᠬᠤᠨ ᠦᠬᠡᠷᠡᠴᠢᠯᠠᠯᠳᠠ ᠶᠢ ᠠᠬᠢᠭᠤᠯᠵᠣ᠂ ᠪᠦᠳᠦᠴᠡ ᠶᠢ | ᠲᠣᠬᠢᠷᠠᠭᠤᠯᠣᠨ ᠠᠷᠠᠳ ᠤᠨ ᠠᠮᠢᠳᠥᠷᠠᠯ ᠢ ᠰᠠᠶᠢᠵᠢᠷᠠᠭᠤᠯᠵᠤ᠂ ᠡᠬᠢ ᠰᠤᠷᠪᠤᠯᠵᠢ ᠶᠢ ᠨᠠᠶᠢᠤᠨᠬᠡᠬᠦ ᠬᠦᠴᠤᠯᠡᠴᠠ ᠪᠠᠨ ᠶᠡᠬᠡᠤᠨᠬᠡᠨ᠂ ᠤᠷᠤᠯᠭ᠎ᠠ ᠶᠢ ᠪᠦᠬᠦ ᠬᠦᠴᠤᠨ | ᠢᠶᠠᠷ ᠵᠤᠬᠢᠶᠠᠨ ᠪᠠᠶᠢᠭᠤᠯᠵᠤ᠂ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠤᠨ᠂ ᠡᠳ᠋ ᠤᠨ ᠵᠠᠰᠠᠭ ᠤᠨ ᠬᠢᠨᠠᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ | ᠤᠷᠤᠯᠭ᠎ᠠ ᠶᠢᠨ ᠳᠤᠭᠳᠠᠭᠤᠨ ᠢᠶᠠᠷ ᠨᠡᠮᠡᠭᠳᠡᠬᠦ ᠶᠢ ᠪᠠᠳᠤᠯᠠᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠬᠠᠷᠠᠯᠳᠠ ᠪᠠᠨ ᠴᠢᠨᠠᠷᠵᠢᠭᠤᠨ ᠪᠡᠶᠡᠯᠡᠭᠦᠯᠪᠠ᠃ | | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2016 ᠤᠨ ᠳᠤ ᠬᠤᠰᠢᠭᠤ ᠲᠣᠰ ᠱᠠᠳᠤᠨ ᠤ ᠡᠯ᠎ᠡ | ᠲᠠᠯ᠎ᠠ ᠶᠢᠨ ᠤᠷᠤᠯᠭ᠎ᠠ ᠶᠢ 46.69 ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ18.1 | ᠳ᠋ᠦᠩᠰᠢᠭᠤᠷ ᠲᠥᠭᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 1 ᠳ᠋ᠥᠩᠰᠢᠭᠤᠷ ᠲᠥᠭᠦᠷᠢᠭ ᠢ ᠪᠠᠭᠳᠠᠭᠠᠨ᠎ᠠ︶᠂ | ᠠᠳᠠᠯᠢ ᠬᠤᠭᠤᠴᠠᠭᠠᠨ ᠤ ᠬᠢ ᠠᠴᠠ 13.1% ᠨᠡᠮᠡᠭᠳᠡᠵᠥ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 11.74 ᠳ᠋ᠦᠩᠰᠢᠭᠤᠷ | ᠲᠥᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 4.87 ᠳ᠋ᠦᠩᠰᠢᠭᠤᠷ ᠲᠦᠭᠦᠷᠢᠭ︔ ᠭᠠᠵᠠᠷ ᠤᠷᠤᠨ ᠤ ᠵᠠᠰᠠᠭ ᠤᠨ ᠤᠷᠳᠤᠨ ᠵᠢᠬᠡᠯᠡᠯᠬᠡ ᠪᠠᠷ ᠠᠯᠪᠠᠨ | ᠵᠢᠬᠡᠯᠯᠡᠯᠬᠡ ᠶᠢᠨ ᠳᠡᠮᠳᠡᠭ ᠤᠷᠤᠯᠠᠭᠤᠯᠤᠭᠰᠡᠨ ᠨᠢ 11.98 ᠳ᠋ᠦᠩᠰᠢᠭᠤᠷ ᠲᠦᠬᠦᠷᠢᠭ᠃᠂ ᠬᠤᠰᠢᠭᠤ ᠲᠤᠰ ᠱᠠᠳᠤᠨ ᠤ ᠡᠯ᠎ᠡ ᠲᠠᠯ᠎ᠠ ᠶᠢᠨ ᠵᠠᠷᠤᠯᠭ᠎ᠠ 40.1 | ᠳ᠋ᠦᠩᠰᠢᠭᠤᠷ ᠲᠥᠭᠦᠷᠢᠭ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 29.91 ᠳ᠋ᠦᠩᠰᠢᠭᠤᠷ ᠲᠥᠭᠦᠷᠢᠭ᠂ ᠳᠡᠭᠡᠭᠰᠢ | ᠳᠤᠰᠢᠶᠠᠭᠰᠡᠨ ᠵᠠᠷᠤᠯᠭ᠎ᠠ 129 ᠲᠥᠮᠡᠨ ᠲᠥᠭᠦᠷᠢᠭ᠂ ᠰᠢᠢᠳᠪᠦᠷᠢᠯᠡᠭᠰᠡᠨ ᠦᠷᠢ ᠦᠭᠴᠡᠭᠡ 10.18 ᠳ᠋ᠦᠩᠰᠢᠭᠤᠷ ᠲᠦᠭᠦᠷᠢᠭ︔ ᠵᠢᠱᠢᠯᠳᠠ ᠪᠠᠷ ᠵᠢᠯ ᠤᠨ | ᠡᠴᠥᠰ ᠤᠨ ᠬᠤᠷᠠᠮᠳᠤᠯ ᠬᠠᠳᠠᠭᠠᠯᠠᠮᠵᠢ 4.48 ᠳ᠋ᠦᠩᠰᠢᠭᠤᠷ ᠲᠦᠬᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 0. | 16 ᠳ᠋ᠥᠩᠰᠢᠭᠤᠷ ᠲᠥᠭᠦᠷᠢᠭ ᠪᠠᠭᠳᠠᠨ᠎ᠠ︶᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠳᠠᠪᠣᠨ ᠶᠡᠭᠡ ᠭᠤᠣᠯ | ᠴᠣᠭᠴᠠ ᠶᠢᠨ ᠭᠠᠶᠢᠯᠢ ᠶᠢᠨ ᠳᠦᠷᠥᠯ 2.24 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠶᠢᠨ 12.38% ᠶᠢ | ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 0.53 ᠳ᠋ᠥᠩᠰᠢᠭᠤᠷ ᠲᠥᠭᠦᠷᠢᠭ ᠨᠠᠮᠡᠭᠳᠡᠵᠤ᠂ 30.99% ᠪᠠᠷ ᠦᠰᠪᠠ᠃ ᠡᠭᠦᠨ ᠳᠤ ᠦᠷᠲᠡᠭ ᠤᠨ | ᠨᠡᠮᠡᠭᠳᠡᠯ ᠭᠠᠶᠢᠯᠢ 0.75 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 36.36% ᠪᠠᠷ ᠨᠠᠮᠡᠭᠳᠡᠪᠡ︔ ᠡᠵᠡᠩᠨᠡᠯᠲᠡ ᠶᠢᠨ ᠭᠠᠶᠢᠯᠢ 0.68 | ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 36% ᠪᠠᠷ ᠨᠠᠮᠡᠭᠳᠡᠪᠡ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 0.26 | ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 550% ᠪᠠᠷ ᠨᠠᠮᠡᠭᠳᠡᠪᠡ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 0.11 ᠲᠥᠮᠡᠨ | ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 37.5 % ᠪᠠᠷ ᠨᠡᠮᠡᠭᠳᠡᠪᠡ︔ ᠡᠬᠢ ᠪᠠᠶᠠᠯᠢᠭ ᠤᠨ ᠭᠠᠶᠢᠯᠢ 0.44 ᠳ᠋ᠦᠩᠰᠢᠭᠤᠷ ᠲᠥᠭᠦᠷᠢᠭ᠂ ᠠᠳᠠᠯᠢ | ᠬᠤᠭᠤᠴᠠᠭᠠᠨ ᠤ ᠬᠢ ᠠᠴᠠ 20% ᠪᠠᠷ ᠪᠠᠭᠤᠷᠠᠪᠠ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ ᠮᠦᠴᠢᠷ 0.83 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠵᠢᠯ ᠤᠨ ᠳᠥᠰᠥᠪ ᠤᠨ 59.29% ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ0.3 ᠳ᠋ᠦᠩᠰᠢᠭᠤᠷ ᠳᠦᠭᠦᠷᠢᠭ ᠨᠡᠮᠡᠭᠳᠡᠵᠤ᠂ 56. | 6% ᠪᠠᠷ ᠦᠰᠪᠠ︔ ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 9.57 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 87. | 8 % ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 1.85 ᠳ᠋ᠦᠩᠰᠢᠭᠤᠷ ᠲᠥᠭᠦᠷᠢᠭ ᠨᠡᠮᠡᠭᠳᠡᠵᠤ᠂ 23.96% ᠪᠠᠷ ᠦᠰᠪᠠ︔ ᠡᠳ᠋ ᠤᠨ ᠵᠠᠰᠠᠭ | ᠤᠨ ᠰᠠᠯᠠᠭ᠎ᠠ ᠮᠦᠴᠢᠷ 7.7 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 154 % ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ | ᠠᠴᠠ 0.06 ᠳ᠋ᠦᠩᠰᠢᠭᠤᠷ ᠲᠥᠭᠦᠷᠢᠭ ᠪᠠᠭᠤᠷᠠᠵᠤ᠂ 0.65% ᠪᠠᠷ ᠬᠠᠰᠤᠭᠳᠠᠪᠠ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠨᠡᠬᠦᠷᠡᠰᠣᠨ ᠠᠵᠢᠯ ᠲᠦᠷᠦᠯ 0.41 ᠳ᠋ᠦᠩᠰᠢᠭᠤᠷ ᠳᠦᠭᠦᠷᠢᠭ ᠪᠡᠶᠡᠯᠡᠭᠦᠯᠵᠣ᠂ 20.59% ᠪᠠᠷ | ᠨᠡᠮᠡᠭᠳᠡᠪᠡ︔ ᠰᠢᠲᠠᠮᠠᠬᠠᠢ ᠬᠡᠢ ᠶᠢᠨ ᠠᠵᠢᠯ ᠲᠦᠷᠤᠯ 0.79 ᠳ᠋ᠦᠩᠰᠢᠭᠤᠷ ᠳᠦᠭᠦᠷᠢᠭ ᠪᠡᠶᠡᠯᠡᠭᠦᠯᠵᠣ᠂ 15.96 % ᠪᠠᠷ ᠪᠠᠭᠤᠷᠠᠪᠠ︔ ᠦᠢᠯᠡᠳᠪᠦᠷᠢᠯᠡᠯ ᠤᠨ | ᠠᠵᠢᠯ ᠲᠦᠷᠤᠯ 190 ᠲᠦᠮᠡᠨ ᠲᠦᠭᠦᠷᠢᠭ ᠪᠡᠶᠡᠯᠡᠭᠦᠯᠵᠤ᠂ 8.01% ᠪᠠᠷ ᠪᠠᠭᠤᠷᠠᠪᠠ︔ ᠴᠡᠬᠢᠯᠭᠠᠨ ᠬᠦᠴᠣᠨ ᠤ ᠠᠵᠢᠯ ᠲᠦᠷᠦᠯ 0.49 ᠳ᠋ᠦᠩᠰᠢᠭᠤᠷ | ᠳᠦᠭᠦᠷᠢᠭ ᠪᠡᠶᠡᠯᠡᠭᠦᠯᠵᠣ᠂ 250 % ᠪᠠᠷ ᠨᠡᠮᠡᠭᠳᠡᠪᠡ︔ ᠪᠠᠷᠢᠯᠭ᠎ᠠ ᠶᠢᠨ ᠠᠵᠢᠯ ᠲᠦᠷᠦᠯ 0.67 ᠳ᠋ᠦᠩᠰᠢᠭᠤᠷ ᠳᠦᠭᠦᠷᠢᠭ ᠪᠡᠶᠡᠯᠡᠭᠦᠯᠵᠣ᠂ 42.55% ᠪᠠᠷ | ᠨᠡᠮᠡᠭᠳᠡᠪᠡ︔ ᠵᠠᠮ ᠲᠡᠬᠡᠬᠡᠪᠣᠷᠢ ᠶᠢᠨ ᠦᠢᠯᠡᠰ 385 ᠲᠥᠮᠡᠨ ᠳᠦᠭᠦᠷᠢᠭ ᠪᠡᠶᠡᠯᠡᠭᠦᠯᠵᠣ᠂ 17.87 % ᠪᠠᠷ ᠪᠠᠭᠤᠷᠠᠪᠠ︔ ᠬᠡᠷ ᠬᠦᠷᠦᠩᠬᠡ ᠶᠢᠨ ᠠᠵᠢᠯ | ᠲᠦᠷᠦᠯ 0.4 ᠳ᠋ᠦᠩᠰᠢᠭᠤᠷ ᠳᠦᠭᠦᠷᠢᠭ ᠪᠡᠶᠡᠯᠡᠭᠦᠯᠵᠣ᠂ 233.33% ᠪᠠᠷ ᠨᠡᠮᠡᠭᠳᠡᠪᠡ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.33 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 8.33 % ᠪᠠᠷ ᠪᠠᠭᠤᠷᠠᠪᠠ︔ ᠬᠤᠨᠤᠭᠯᠠᠬᠤ ᠪᠠ ᠢᠳᠡᠭᠡᠨ ᠤᠮᠳᠠᠭᠠᠨ ᠤ ᠠᠵᠢᠯ ᠲᠦᠷᠤᠯ 132 ᠲᠦᠮᠡᠨ ᠲᠦᠭᠦᠷᠢᠭ | ᠪᠡᠶᠡᠯᠡᠭᠦᠯᠵᠤ᠂ 24.25% ᠪᠠᠷ ᠨᠡᠮᠡᠭᠳᠡᠪᠡ︔ ᠦᠢᠯᠡᠴᠢᠯᠡᠬᠡᠨ ᠤ ᠦᠢᠯᠡᠰ 661 ᠲᠦᠮᠡᠨ ᠳᠦᠭᠦᠷᠢᠭ ᠪᠡᠶᠡᠯᠡᠭᠦᠯᠵᠣ᠂ 36.71% ᠪᠠᠷ ᠪᠠᠭᠤᠷᠠᠪᠠ︔ | ᠮᠦᠩᠬᠦᠨ ᠬᠦᠢᠯᠬᠡᠬᠡᠨ ᠤ ᠦᠢᠯᠡᠰ 0.18 ᠳ᠋ᠦᠩᠰᠢᠭᠤᠷ ᠳᠦᠭᠦᠷᠢᠭ ᠪᠡᠶᠡᠯᠡᠭᠦᠯᠵᠣ᠂ 38.46% ᠪᠠᠷ ᠨᠡᠮᠡᠭᠳᠡᠪᠡ︔ ᠪᠣᠰᠣᠳ ᠠᠵᠢᠯ ᠲᠦᠷᠦᠯ 14.69 | ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ | ᠪᠡᠶᠡᠯᠡᠭᠦᠯᠵᠣ᠂ 11.2% ᠢᠶᠠᠷ ᠨᠡᠮᠡᠭᠳᠡᠪᠠ᠃ | 2016 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 29.91 ᠳ᠋ᠦᠩᠰᠢᠭᠤᠷ ᠲᠦᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.03% ᠪᠠᠷ ᠨᠡᠮᠡᠭᠳᠡᠪᠠ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 24.14 ᠳ᠋ᠦ᠋ᠩᠰᠢᠭᠤᠷ ᠲᠦᠭᠦᠷᠢᠭ᠂ ᠱᠠᠩᠬᠠᠢ | ᠶᠢᠨ ᠰᠦᠮ᠎ᠡ ᠨᠡᠬᠡᠬᠡᠯᠲᠡ ᠶᠢᠨ ᠣᠷᠣᠨ ᠤ ᠵᠠᠷᠣᠯᠭ᠎ᠠ 0.74 ᠳ᠋ᠦᠩᠰᠢᠭᠤᠷ ᠲᠥᠭᠦᠷᠢᠭ᠂ ᠪᠠᠯᠭᠠᠰᠦ ᠱᠠᠳᠦᠨ ᠤ ᠵᠠᠷᠣᠯᠭ᠎ᠠ 5.03 ᠳ᠋ᠦᠩᠰᠢᠭᠤᠷ ᠲᠦᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2016 ᠤᠨ ᠳᠤ᠂ ᠵᠠᠰᠠᠭ ᠤᠨ ᠤᠷᠳᠤᠨ | ᠤ ᠴᠢᠨᠠᠷ ᠲᠠᠢ ᠰᠠᠭᠤᠷᠢ ᠮᠦᠩᠬᠦ ᠶᠢᠨ ᠳᠤᠰ ᠱᠠᠳᠤᠨ ᠤ ᠤᠷᠤᠯᠭ᠎ᠠ 1.39 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 1.08 | ᠳ᠋ᠦᠩᠰᠢᠭᠤᠷ ᠲᠦᠬᠦᠷᠢᠭ ᠨᠡᠮᠡᠭᠳᠡᠵᠤ᠂ 348.39% ᠪᠠᠷ ᠦᠰᠪᠠ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ 1.52 ᠳ᠋ᠦᠩᠰᠢᠭᠤᠷ | ᠲᠥᠭᠦᠷᠢᠭ ︵ᠡᠬᠦᠨ ᠳᠤ᠄ ᠳᠡᠬᠡᠳᠤ ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.13 ᠳ᠋ᠦᠩᠰᠢᠭᠤᠷ ᠲᠦᠬᠦᠷᠢᠭ ᠪᠤᠢ︶᠂ ᠠᠳᠠᠯᠢ ᠬᠤᠭᠤᠴᠠᠭᠠᠨ ᠠᠴᠠ 1.1 | ᠳ᠋ᠦᠩᠰᠢᠭᠤᠷ ᠲᠦᠬᠦᠷᠢᠭ ᠨᠡᠮᠡᠭᠳᠡᠵᠤ᠂ 261.9% ᠪᠠᠷ ᠦᠰᠪᠠ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2016 ᠤᠨ ᠳᠤ ᠪᠦᠬᠦ ᠬᠤᠰᠢᠭᠤᠨ ᠤ | ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 1.43 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ | ᠪᠠᠭᠤᠷᠠᠵᠤ᠂ 12.27% ᠪᠠᠷ ᠬᠠᠰᠤᠭᠳᠠᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ ᠶᠢ 1.43 ᠳ᠋ᠦᠩᠰᠢᠭᠤᠷ | ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ ᠪᠠᠭᠤᠷᠠᠵᠤ᠂ 12.27% ᠪᠠᠷ ᠬᠠᠰᠤᠭᠳᠠᠪᠠ᠃ | 2016 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄ | ︵ᠨᠢᠭᠡ︶ ᠤᠷᠤᠯᠭ᠎ᠠ ᠶᠢᠨ ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭ᠎ᠠ ᠠᠳᠬᠤᠵᠤ᠂ ᠡᠳ᠋ ᠶᠢᠨ ᠵᠠᠰᠠᠭ ᠤᠨ ᠤᠷᠤᠯᠭ᠎ᠠ ᠶᠢ ᠯᠠᠪᠳᠠᠭᠤᠨ ᠢᠶᠠᠷ ᠨᠡᠮᠡᠭᠳᠡᠬᠦᠯᠪᠠ᠃ | 2016 ᠤᠨ ᠳᠤ᠂ ᠠᠵᠤ ᠠᠬᠤᠢ ᠶᠢᠨ ᠤᠷᠤᠭᠤᠳᠠᠯ ᠤᠨ ᠳᠠᠷᠤᠯᠳᠠ ᠲᠤᠤᠷ᠎ᠠ᠂ ᠡᠳ᠋ ᠤᠨ ᠵᠠᠰᠠᠭ ᠶᠢᠨ ᠰᠠᠯᠠᠭ᠎ᠠ ᠮᠦᠴᠢᠷ ᠠᠴᠠ ᠤᠷᠣᠯᠭ᠎ᠠ ᠤᠨ ᠠᠵᠢᠯ ᠢ | ᠳᠡᠭᠡᠲᠤ ᠬᠡᠮᠵᠢᠶ᠎ᠠ ᠢᠶᠠᠷ ᠴᠢᠬᠤᠯᠠᠴᠢᠯᠠᠨ᠂ ᠳᠤᠬᠢᠷᠠᠭᠤᠯᠭ᠎ᠠ ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭᠠᠳᠬᠠᠬᠤ᠂ ᠨᠢᠭᠤᠭᠳᠠᠮᠠᠯ ᠬᠦᠴᠣᠨ ᠢ ᠠᠭᠤᠳᠠᠯᠠᠵᠤ ᠤᠷᠤᠯᠭ᠎ᠠ | ᠨᠡᠮᠡᠭᠳᠡᠭᠦᠯᠬᠦ ᠪᠠᠷ ᠳᠠᠮᠵᠢᠭᠤᠯᠤᠨ᠂ ᠣᠷᠣᠯᠭ᠎ᠠ ᠶᠢᠨ ᠰᠠᠨᠠᠭᠠᠴᠢᠯᠠᠭᠠᠳᠤ ᠡᠷᠬᠡ ᠶᠢ ᠴᠢᠩᠭ᠎ᠠ ᠠᠤᠨᠬᠤᠵᠤ᠂ ᠡᠳ᠋ ᠤᠨ ᠵᠠᠰᠠᠭ ᠤᠨ ᠤᠷᠤᠯᠭ᠎ᠠ ᠶᠢ ᠯᠠᠪᠳᠠᠭᠤᠨ ᠢᠶᠠᠷ | ᠨᠡᠮᠡᠭᠳᠡᠬᠦᠯᠪᠠ᠃ ᠪᠦᠬᠦ ᠬᠤᠰᠢᠭᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 18.1 ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠵᠢᠯ | ᠤᠨ ᠡᠬᠢᠨ ᠤ ᠬᠠᠷᠠᠯᠳᠠ ᠡᠭᠦᠷᠭᠡ ᠶᠢᠨ ᠲᠦᠰᠤᠪ ᠤᠨ 104.6% ᠶᠢ ᠪᠡᠶᠡᠯᠡᠭᠦᠯᠵᠤ᠂ ᠡᠭᠦᠨ ᠳᠤ ᠭᠠᠶᠢᠯᠢ ᠶᠢᠨ ᠤᠷᠤᠯᠭ᠎ᠠ ᠶᠢ 10.23 ᠳ᠋ᠦᠩᠰᠢᠭᠤᠷ | ᠲᠦᠭᠦᠷᠢᠭ ᠪᠡᠶᠡᠯᠡᠬᠦᠯᠵᠤ᠂ ᠭᠠᠶᠢᠯᠢ ᠶᠢᠨ ᠪᠤᠰᠤ ᠤᠷᠤᠯᠭ᠎ᠠ ᠶᠢ 7.87 ᠳ᠋ᠦᠩᠰᠢᠭᠤᠷ ᠲᠦᠭᠦᠷᠢᠭ ᠪᠡᠶᠡᠯᠡᠬᠦᠯᠵᠤ᠂ ᠤᠷᠤᠯᠭ᠎ᠠ ᠶᠢᠨ ᠡᠭᠦᠷᠭᠡ ᠪᠠᠨᠠᠮᠵᠢᠯᠳᠠ ᠲᠠᠢ | ᠪᠡᠶᠡᠯᠡᠬᠦᠯᠪᠠ᠃ | ︵ᠬᠤᠶᠠᠷ︶ ᠵᠠᠷᠣᠯᠭ᠎ᠠ ᠶᠢᠨ ᠪᠦᠲᠦᠴᠠ ᠶᠢ ᠰᠢᠯᠢᠳᠡᠭᠵᠢᠭᠦᠯᠤᠨ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠪᠠᠳᠤᠯᠠᠭ᠎ᠠ ᠶᠢᠨ ᠲᠦᠪᠰᠢᠨ ᠢᠶᠠᠨ | ᠳᠡᠬᠡᠭᠰᠢᠯᠡᠬᠦᠯᠪᠠ᠃ ᠳᠡᠭᠡᠳᠤ ᠱᠠᠳᠤᠨ ᠤ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠡᠳ᠋ ᠤᠨ ᠵᠠᠰᠠᠭ ᠤᠨ ᠪᠡᠯᠡ ᠮᠦᠩᠭᠦᠨ ᠤ ᠲᠠᠷᠤᠯᠳᠠ ᠶᠡᠭᠡ ᠪᠠᠶᠢᠬᠤ | ᠪᠠᠶᠢᠳᠠᠯ ᠲᠤᠤᠷ᠎ᠡ᠂ ᠠᠯᠪᠠᠨ ᠪᠠᠶᠢᠭᠤᠯᠭ᠎ᠠ ᠠᠵᠤ ᠤᠶᠢᠯᠡᠰ ᠤᠨ ᠨᠢᠬᠡᠴᠠ ᠶᠢᠨ ᠠᠵᠢᠯᠳᠠᠨ ᠤ ᠴᠠᠯᠢᠩ ᠪᠤᠯᠤᠨ ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠶᠢ | ᠭᠤᠤᠯᠳᠠᠯᠭ᠎ᠠ ᠲᠠᠢ ᠪᠠᠳᠤᠯᠠᠵᠤ᠂ 《ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ》᠂ ᠰᠤᠷᠭᠠᠨ ᠬᠦᠮᠤᠵᠢᠯ᠂ ᠡᠮ ᠡᠮᠨᠡᠯᠬᠡ ᠡᠷᠡᠭᠦᠯ | ᠬᠠᠮᠠᠭᠠᠯᠠᠯ᠂ ᠨᠠᠶᠢᠬᠡᠮ ᠤᠨ ᠠᠪᠤᠷᠠᠨ ᠳᠤᠰᠠᠯᠠᠯᠳᠠ ᠵᠡᠷᠬᠡ ᠠᠷᠠᠳ ᠤᠨ ᠠᠮᠢᠳᠤᠷᠠᠯ ᠤᠨ ᠲᠦᠷᠤᠯ ᠤᠨ ᠪᠡᠯᠡ ᠮᠦᠩᠭᠦᠨ ᠤ ᠤᠷᠤᠭᠤᠯᠤᠯᠳᠠ ᠶᠢ ᠨᠡᠮᠡᠭᠳᠡᠬᠦᠯᠤᠨ᠂ | 《ᠠᠷᠪᠡ ᠶᠢ ᠪᠦᠷᠢᠳᠤᠬᠦᠯᠬᠦ 》ᠠᠵᠢᠯ᠂《 ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠭᠦᠬᠦ ᠢᠨᠵᠧᠨᠧᠷᠢᠩ》᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ | ᠲᠦᠪ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠳᠤᠭᠳᠠᠭᠠᠭᠰᠡᠨ ᠠᠷᠠᠳ ᠢ ᠬᠠᠷᠠᠭᠠᠯᠵᠠᠬᠤ ᠪᠤᠳᠠᠳᠤ ᠤᠴᠢᠷ᠂ ᠴᠢᠬᠤᠯᠠ ᠰᠢᠢᠤᠨᠪᠤᠷᠢ ᠪᠤᠯᠤᠨ | ᠭᠤᠤᠯᠳᠠᠯᠭᠠᠳᠤ ᠲᠦᠷᠤᠯ ᠵᠦᠢᠯ ᠤᠨ ᠪᠠᠶᠢᠭᠤᠯᠤᠯᠳᠠ ᠶᠢᠨ ᠪᠡᠯᠡ ᠮᠦᠩᠭᠦᠨ ᠤ ᠱᠠᠭᠠᠷᠳᠠᠯᠭ᠎ᠠ ᠶᠢ ᠬᠦᠴᠤᠯᠡᠨ ᠳᠠᠮᠵᠢᠵᠤ ᠰᠠᠶᠢᠳᠤᠷ ᠪᠠᠳᠤᠯᠠᠪᠠ᠃ ᠡᠭᠦᠨ ᠳᠤ ᠠᠷᠠᠳ | ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ 22.5 ᠳ᠋ᠦᠩᠰᠢᠭᠤᠷ ᠲᠦᠬᠦᠷᠢᠭ ᠬᠦᠷᠴᠤ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 75% ᠶᠢ ᠡᠵᠡᠯᠡᠵᠤ᠂ | ᠠᠷᠠᠳ ᠤᠨ ᠠᠮᠢᠳᠤᠷᠠᠯ ᠢ ᠪᠥᠳᠥᠮᠵᠢᠳᠡᠢ ᠪᠠᠳᠤᠯᠠᠵᠤ ᠰᠠᠶᠢᠵᠢᠷᠠᠭᠤᠯᠪᠠ᠃ | ︵ᠭᠤᠷᠪᠡ︶ ᠦᠭᠡᠷᠡᠴᠢᠯᠡᠯᠳᠠ ᠶᠢ ᠯᠠᠪᠳᠠᠭᠤᠨ ᠠᠬᠢᠭᠤᠯᠵᠤ᠂ ᠡᠳ᠋ ᠤᠨ ᠵᠠᠰᠠᠭ ᠤᠨ ᠳᠤᠭᠳᠠᠴᠠ ᠶᠢ ᠲᠠᠰᠤᠷᠠᠯᠳᠠ ᠦᠭᠡᠢ ᠳᠡᠬᠦᠯᠳᠡᠷᠵᠢᠬᠦᠯᠪᠠ᠃ ᠤᠯᠤᠰ | ᠤᠨ ᠭᠥᠮᠥᠷᠭᠡ ᠠᠴᠠ ᠲᠥᠪᠯᠡᠷᠡᠩᠭᠦᠢ ᠤᠯᠭᠤᠬᠤ ᠥᠭᠡᠷᠡᠴᠢᠯᠡᠯᠳᠡ ᠶᠢ ᠲᠡᠭᠦᠯᠳᠡᠷᠵᠢᠭᠦᠯᠥᠨ᠂ ᠠᠯᠪᠠᠨ ᠺᠠᠷᠲ ᠢᠶᠠᠷ ᠲᠠᠰᠤᠯᠤᠨ ᠪᠤᠳᠤᠵᠤ ᠲᠠᠩᠰᠠ ᠲᠠᠶᠢᠯᠬᠤ ᠭᠤᠷᠢᠮ | ᠪᠠ ᠡᠳ᠋ ᠤᠨ ᠵᠠᠰᠠᠭ ᠤᠨ ᠬᠢᠨᠠᠨ ᠴᠤᠬᠤᠯᠠᠪᠤᠷᠢᠯᠠᠯ ᠤᠨ ᠲᠠᠷᠠᠭᠠᠯᠠᠯ ᠢ ᠤᠯᠠᠮ ᠲᠥᠷᠢᠮᠵᠢᠭᠦᠯᠵᠥ᠂ ᠡᠳ᠋ ᠤᠨ ᠵᠠᠰᠠᠭ ᠤᠨ ᠪᠡᠯᠡ ᠮᠥᠩᠭᠦᠨ ᠤ ᠬᠠᠮᠢᠶᠠᠷᠤᠯᠳᠠ ᠡᠵᠡᠮᠳᠡᠯ | ᠢ ᠡᠬᠢ ᠡᠭᠦᠰᠥᠯ ᠠᠴᠠ ᠨᠢ ᠴᠢᠩᠭᠠᠳᠬᠠᠪᠠ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠥᠷᠳᠡᠭ ᠤᠨ ᠭᠠᠶᠢᠯᠢ ᠪᠠᠷ ᠥᠭᠡᠷᠡᠴᠢᠯᠡᠭᠦ︾ ᠲᠤᠷᠰᠢᠯᠳᠠ ᠶᠢᠨ ᠴᠡᠭ | ᠤᠨ ᠠᠵᠢᠯ ᠢ ᠥᠷᠭᠦᠯᠵᠢᠯᠡᠨ ᠠᠬᠢᠭᠤᠯᠵᠤ᠂ ᠭᠠᠶᠢᠯᠢ ᠶᠢᠨ ᠶᠠᠪᠤᠳᠠᠯ ᠪᠤᠯᠤᠨ ᠨᠡᠶᠢᠭᠡᠮ ᠤᠨ ᠪᠠᠳᠤᠯᠠᠭ᠎ᠠ ᠪᠠᠷ ᠭᠤᠤᠯ ᠠᠷᠭᠠᠠᠪᠴᠠᠯ ᠪᠤᠯᠭᠠᠭᠰᠠᠨ ᠲᠤᠬᠢᠷᠠᠭᠤᠯᠤᠯᠳᠠ | ᠶᠢᠨ ᠲᠤᠭᠳᠠᠴᠠ ᠶᠢᠨ ᠥᠭᠡᠷᠡᠴᠢᠯᠡᠯᠳᠡ ᠶᠢ ᠳᠡᠬᠦᠯᠳᠡᠷᠵᠢᠬᠦᠯᠤᠨ᠂ ᠪᠠᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠪᠠ ᠬᠤᠪᠢ ᠡᠵᠡᠩᠨᠡᠯᠳᠡ ᠶᠢᠨ ᠥᠢᠯᠡᠳᠪᠥᠷᠢ | ᠬᠤᠳᠠᠯᠳᠤᠭᠠᠨ ᠤ ᠡᠷᠥᠭᠡ ᠶᠢᠨ ᠡᠯ᠎ᠡ ᠲᠥᠷᠥᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠭᠥᠭᠵᠢᠯᠳᠡ ᠶᠢ ᠲᠡᠮᠵᠢᠨ ᠲᠥᠷᠭᠡᠳᠭᠡᠪᠡ᠃ ᠪᠦᠬᠦ ᠬᠤᠰᠢᠭᠤᠨ ᠤ ᠪᠤᠳᠠᠳᠤ ᠪᠠᠶᠢᠳᠠᠯ ᠳᠤ ᠰᠠᠭᠤᠷᠢᠯᠠᠨ ᠡᠳ᠋ ᠤᠨ ᠵᠠᠰᠠᠭ ᠤᠨ ᠲᠦᠷᠤᠯ ᠵᠦᠢᠯ ᠤᠨ | ᠬᠦᠮᠤᠷᠬᠡ ᠪᠠᠶᠢᠭᠤᠯᠤᠨ᠂ PPP ᠵᠠᠭᠪᠤᠷ ᠢ ᠬᠦᠴᠤᠯᠡᠨ ᠲᠦᠬᠡᠮᠡᠯᠵᠢᠬᠦᠯᠵᠤ᠂ ᠬᠤᠪᠢ ᠶᠢᠨ ᠡᠵᠡᠩᠨᠡᠯᠳᠠ ᠶᠢᠨ ᠠᠵᠤ ᠠᠬᠤᠶᠢᠯᠠᠯ᠂ ᠠᠷᠠᠤᠨ ᠤᠨ ᠡᠵᠡᠩᠨᠡᠯᠳᠠ ᠶᠢᠨ | ᠬᠦᠷᠤᠩᠬᠡ ᠪᠤᠯᠤᠨ ᠵᠠᠰᠠᠭ ᠤᠨ ᠤᠷᠳᠤᠨ ᠤ ᠬᠠᠮᠳᠤᠷᠠᠯᠴᠠᠭ᠎ᠠ ᠶᠢ ᠵᠤᠷᠢᠭᠵᠢᠭᠤᠯᠤᠨ᠂ ᠪᠦᠬᠦ ᠬᠤᠰᠢᠭᠤᠨ ᠤ ᠤᠯᠠᠨ ᠨᠠᠶᠢᠳᠠ ᠶᠢᠨ ᠰᠠᠭᠤᠷᠢ ᠪᠠᠶᠢᠭᠤᠯᠤᠯᠳᠠ ᠳᠤ | ᠤᠷᠤᠯᠴᠠᠭᠤᠯᠪᠠ᠃ 7 ᠲᠦᠷᠤᠯ ᠵᠦᠢᠯ ᠢ PPP ᠵᠠᠭᠪᠤᠷ ᠤᠨ ᠲᠦᠷᠤᠯ ᠵᠦᠢᠯ ᠤᠨ ᠨᠦᠬᠡᠴᠠ ᠬᠦᠮᠤᠷᠬᠡ ᠳᠤ ᠪᠠᠭᠳᠠᠭᠠᠨ᠂ 2 ᠲᠦᠷᠤᠯ ᠵᠦᠢᠯ ᠢ ᠦᠪᠡᠷᠳᠡᠬᠡᠨ | ᠵᠠᠰᠠᠬᠤ ᠤᠷᠤᠨ ᠤ ᠭᠤᠷᠪᠠᠳᠤᠭᠠᠷ ᠪᠦᠯᠦᠭ ᠳᠠᠭᠤᠷᠢᠶᠠᠯ ᠲᠦᠷᠤᠯ ᠵᠦᠢᠯ ᠤᠨ ᠬᠦᠮᠤᠷᠬᠡ ᠳᠤ ᠳᠠᠩᠰᠠᠯᠠᠭᠤᠯᠤᠨ᠂ ᠠᠵᠤ ᠤᠶᠢᠯᠡᠰ ᠤᠨ ᠰᠠᠭᠤᠷᠢ ᠮᠦᠩᠬᠦ ᠶᠢᠨ | ᠬᠦᠰᠢᠬᠦᠷᠬᠡ ᠶᠢᠨ ᠤᠶᠢᠯᠡᠳᠤᠯ ᠢ ᠪᠦᠳᠤᠮᠵᠢᠳᠠᠢ ᠪᠠᠳᠠᠷᠠᠭᠤᠯᠪᠠ᠃ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ ᠤᠨ ᠥᠭᠡᠷᠡᠴᠢᠯᠡᠯᠳᠡ ᠶᠢ | ᠭᠥᠨᠵᠡᠭᠡᠶᠢᠷᠡᠭᠦᠯᠥᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠳᠤᠳᠤᠭᠠᠳᠤ ᠡᠵᠡᠮᠰᠢᠯ ᠬᠠᠮᠢᠶᠠᠷᠤᠯᠳᠠ ᠶᠢ ᠴᠢᠩᠭᠠᠤᠨᠬᠠᠨ᠂ ᠵᠠᠰᠠᠭ ᠤᠨ ᠤᠷᠳᠤᠨ ᠤ | ᠬᠤᠳᠠᠯᠳᠤᠨ ᠠᠪᠬᠤ ᠨᠤᠷᠮ᠎ᠠ ᠶᠢ ᠳᠠᠰᠤᠷᠠᠯᠳᠠ ᠦᠬᠡᠢ ᠳᠡᠬᠡᠭᠰᠢᠯᠡᠬᠦᠯᠵᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠡᠪᠴᠢᠶᠡᠵᠢᠯ ᠢ 1.58 ᠳ᠋ᠦᠩᠰᠢᠭᠤᠷ | ᠲᠦᠬᠦᠷᠢᠭ ᠬᠦᠷᠬᠡᠵᠤ᠂ 700 ᠲᠦᠮᠡᠨ ᠲᠦᠬᠦᠷᠢᠭ ᠪᠡᠯᠡ ᠮᠦᠩᠬᠦ ᠠᠷᠪᠢᠯᠠᠨ᠂ ᠪᠡᠯᠡ ᠮᠦᠩᠬᠦᠨ ᠠᠷᠪᠢᠯᠠᠯᠳᠠ ᠶᠢᠨ ᠨᠤᠷᠮ᠎ᠠ ᠶᠢ 4.41% ᠬᠦᠷᠬᠡᠪᠠ᠃ | ︵ᠲᠦᠷᠪᠠ︶ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠵᠤ᠂ ᠪᠡᠯᠡ ᠮᠦᠩᠬᠦᠨ ᠤ ᠬᠡᠷᠡᠭᠯᠡᠯᠳᠠ ᠶᠢᠨ ᠦᠷ᠎ᠠ ᠠᠰᠢᠭ ᠢ ᠳᠡᠬᠡᠭᠰᠢᠯᠡᠬᠦᠯᠪᠠ᠃ | ᠨᠢᠬᠡ ᠳᠤ᠂ ᠪᠡᠯᠡ ᠮᠦᠩᠬᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠤᠨᠬᠪᠠ᠃ ᠡᠳ᠋ ᠤᠨ ᠵᠠᠰᠠᠭ ᠤᠨ ᠪᠡᠯᠡ ᠮᠦᠩᠬᠦ ᠳᠤ ᠶᠠᠪᠤᠴᠠ ᠶᠢᠨ ᠡᠮᠤᠨᠡᠬᠢ ᠬᠢᠨᠠᠯᠳᠠ | ᠴᠤᠬᠤᠯᠠᠪᠤᠷᠢᠯᠠᠯᠳᠠ᠂ ᠶᠠᠪᠤᠴᠠ ᠳᠤᠮᠳᠠᠬᠢ ᠬᠢᠨᠠᠯᠳᠠ ᠬᠠᠮᠢᠶᠠᠷᠤᠯᠳᠠ᠂ ᠳᠡᠬᠦᠰᠦᠭᠰᠡᠨ ᠤ ᠳᠠᠷᠠᠭᠠᠬᠢ ᠦᠷ᠎ᠠ ᠪᠦᠳᠤᠮᠵᠢ ᠶᠢᠨ ᠬᠠᠷᠢᠭᠤᠴᠠᠯᠭ᠎ᠠ ᠠᠰᠠᠭᠤᠬᠤ ᠪᠦᠬᠦ | ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢ ᠬᠦᠢᠴᠡᠤᠨ ᠴᠢᠩᠭᠠᠤᠨᠬᠠᠵᠤ᠂ ᠪᠡᠯᠡ ᠮᠦᠩᠬᠦᠨ ᠤ ᠠᠮᠤᠷ ᠲᠦᠪᠰᠢᠨ ᠢ ᠪᠠᠳᠤᠯᠠᠨ ᠪᠦᠳᠤᠮᠵᠢᠳᠠᠢ ᠠᠰᠢᠭᠯᠠᠪᠠ᠃ ︽ | ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ ᠶᠢ ᠶᠡᠬᠡᠪᠡᠷ ᠪᠠᠭᠤᠷᠠᠭᠤᠯᠵᠤ᠂ ᠪᠦᠬᠦ ᠬᠤᠰᠢᠭᠤᠨ ᠤ ︽ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ ᠶᠢ 2445 | ᠲᠦᠮᠡᠨ ᠲᠦᠬᠦᠷᠢᠭ ᠪᠤᠯᠭᠠᠵᠤ᠂ ᠠᠳᠠᠯᠢ ᠬᠤᠭᠤᠴᠠᠭᠠᠨ ᠤ ᠬᠢ ᠠᠴᠠ 2.8% ᠪᠠᠭᠤᠷᠠᠭᠤᠯᠤᠨ᠂ ᠡᠩ ᠤᠨ ᠠᠯᠪᠠᠨ ᠵᠠᠷᠤᠯᠭ᠎ᠠ ᠶᠢᠨ ︽ᠳᠡᠭ ᠦᠰᠤᠯᠳᠠ︾ ᠶᠢ | ᠪᠡᠶᠡᠯᠡᠬᠦᠯᠪᠠ᠃ ᠬᠤᠶᠠᠷ ᠲᠤ᠂ ᠦᠷᠢ ᠦᠭᠴᠡᠬᠡᠨ ᠤ ᠬᠠᠮᠢᠶᠠᠷᠤᠯᠳᠠ ᠡᠵᠡᠮᠰᠢᠯ ᠢ ᠴᠢᠩᠭᠠᠤᠨᠬᠠᠪᠠ᠃ ᠦᠷᠢ ᠬᠤᠯᠠᠯᠳᠠ ᠶᠢᠨ ᠪᠡᠯᠡ ᠮᠦᠩᠬᠦ ᠶᠢ ᠤᠯᠠᠨ ᠠᠷᠭ᠎ᠠ | ᠠᠪᠴᠠᠯ ᠢᠶᠠᠷ ᠴᠤᠭᠯᠠᠭᠤᠯᠵᠤ᠂ ᠦᠯᠡᠳᠡᠭᠳᠡᠯ ᠦᠷᠢ ᠶᠢ ᠪᠦᠳᠤᠮᠵᠢᠳᠠᠢ ᠰᠢᠢᠤᠨᠪᠤᠷᠢᠯᠡᠪᠠ᠃ ᠵᠠᠰᠠᠭ ᠤᠨ ᠤᠷᠳᠤᠨ ᠤ ᠴᠢᠨᠠᠷᠳᠠᠢ ᠦᠯᠡᠳᠡᠭᠳᠡᠯ ᠦᠷᠢ ᠶᠢ 12.5 | ᠳ᠋ᠥᠩᠰᠢᠭᠤᠷ ᠲᠦᠬᠦᠷᠢᠭ ᠰᠢᠢᠤᠨᠪᠤᠷᠢᠯᠡᠵᠤ᠂ ᠶᠡᠷᠤᠩᠬᠡᠢ ᠬᠡᠮᠵᠢᠶ᠎ᠠ ᠶᠢ 50.38% ᠪᠠᠭᠤᠷᠠᠭᠤᠯᠤᠨ᠂ ᠥᠯᠡᠳᠡᠭᠳᠡᠯ ᠥᠷᠢ 12.31 ᠳ᠋ᠥᠩᠰᠢᠭᠤᠷ ᠲᠥᠭᠦᠷᠢᠭ | ᠪᠤᠯᠪᠠ᠃ ᠭᠤᠷᠪᠠ ᠳᠤ᠂ ᠲᠤᠰᠬᠠᠢ ᠲᠥᠷᠥᠯ ᠤᠨ ᠪᠡᠯᠡ ᠮᠥᠩᠭᠦ ᠤᠯᠭᠤᠬᠤ ᠭᠥᠴᠥᠯᠡᠴᠡ ᠪᠠᠨ ᠨᠡᠮᠡᠭᠳᠡᠭᠦᠯᠪᠡ᠃ ᠲᠡᠭᠡᠳᠥ ᠱᠠᠳᠤᠨ ᠤ ᠳᠤᠰᠬᠠᠢ ᠲᠦᠷᠤᠯ ᠤᠨ ᠪᠡᠯᠡ | ᠮᠦᠩᠬᠦ ᠶᠢ ᠨᠠᠶᠢᠳᠠ 17.87 ᠳ᠋ᠦ᠋ᠩᠰᠢᠭᠤᠷ ᠲᠦᠬᠦᠷᠢᠭ ᠤᠯᠵᠤ᠂ 7.16 ᠳ᠋ᠦᠩᠰᠢᠭᠤᠷ ᠲᠦᠬᠦᠷᠢᠭ ᠢ ᠤᠯᠭᠤᠨ ᠦᠭᠴᠤ᠂ ᠤᠯᠭᠤᠯᠳᠠ ᠶᠢᠨ ᠨᠤᠷᠮ᠎ᠠ 40. | 07% ᠬᠦᠷᠪᠠ᠃ ᠲᠦᠷᠪᠡ ᠳᠤ᠂ ᠳᠠᠷᠤᠭᠳᠠᠮᠠᠯ ᠪᠡᠯᠡ ᠮᠦᠩᠬᠦ ᠶᠢ ᠪᠦᠬᠦ ᠳᠠᠯ᠎ᠠ ᠪᠠᠷ ᠳᠤᠭᠠᠴᠢᠨ ᠳᠤᠳᠤᠷᠬᠠᠶᠢᠯᠠᠪᠠ᠃ ᠤᠷᠢᠳᠠᠬᠢ ᠵᠢᠯ ᠤᠳ ᠤᠨ ᠦᠯᠡᠳᠡᠪᠤᠷᠢ | ᠪᠡᠯᠡ ᠮᠦᠩᠬᠦ ᠪᠠ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ᠶᠢ ᠳᠤᠭᠠᠴᠢᠨ ᠳᠤᠳᠤᠷᠬᠠᠶᠢᠯᠠᠵᠤ᠂ ᠡᠳ᠋ ᠤᠨ ᠵᠠᠰᠠᠭ ᠤᠨ ᠪᠡᠯᠡ ᠮᠦᠩᠬᠦ ᠳᠠᠷᠤᠭᠳᠠᠬᠤ ᠤᠭ | ᠰᠢᠯᠳᠠᠭᠠᠨ ᠢ ᠤᠬᠤᠴᠢᠯᠠᠨ ᠤᠶᠢᠯᠭᠠᠵᠤ᠂ ᠪᠤᠴᠠᠭᠠᠨ ᠠᠪᠬᠤ ᠪᠠ ᠲᠦᠯᠤᠵᠤ ᠢᠯᠭᠠᠷᠠᠭᠤᠯᠬᠤ ᠠᠷᠭ᠎ᠠ ᠠᠪᠴᠠᠯ ᠳᠤᠭᠳᠠᠭᠠᠪᠠ᠃ ᠳᠠᠪᠤ ᠳᠤ᠂ ᠡᠳ᠋ ᠤᠨ ᠵᠠᠰᠠᠭ ᠤᠨ | ᠳᠤᠰᠬᠠᠢ ᠳᠠᠩᠰᠠ ᠶᠢ ᠪᠦᠬᠦ ᠳᠠᠯ᠎ᠠ ᠪᠠᠷ ᠴᠡᠭᠴᠡᠯᠡᠪᠠ᠃ ︽ᠰᠢᠨ᠎ᠠ ᠳᠠᠩᠰᠠ ᠶᠢ ᠰᠠᠶᠢᠳᠤᠷ ᠡᠵᠡᠮᠳᠡᠨ᠂ ᠬᠠᠭᠤᠴᠢᠨ ᠳᠠᠩᠰᠠ ᠶᠢ ᠪᠦᠳᠤᠮᠵᠢᠳᠠᠢ ᠰᠢᠢᠤᠨᠪᠤᠷᠢᠯᠡᠵᠤ᠂ | ᠬᠠᠮᠢᠶᠠᠷᠤᠯᠳᠠ ᠶᠢ ᠴᠢᠩᠭᠠᠤᠬᠠᠬᠤ︾ ᠵᠠᠷᠴᠢᠮ ᠶᠤᠰᠤᠭᠠᠷ᠂ 9 ᠳᠤᠰᠬᠠᠢ ᠳᠠᠩᠰᠠ ᠶᠢ ᠳᠤᠭᠠᠴᠢᠨ ᠵᠤᠭᠰᠤᠭᠠᠵᠤ᠂ 11 ᠳᠤᠰᠬᠠᠢ ᠳᠠᠩᠰᠠ ᠦᠯᠡᠳᠡᠬᠡᠨ᠂ ᠡᠳ᠋ ᠤᠨ | ᠵᠠᠰᠠᠭ ᠤᠨ ᠳᠤᠰᠬᠠᠢ ᠳᠠᠩᠰᠠ ᠶᠢᠨ ᠬᠠᠮᠢᠶᠠᠷᠤᠯᠳᠠ ᠶᠢᠨ ︽ᠨᠠᠷᠢᠯᠢᠭ ᠲᠦᠷᠢᠮᠵᠢᠬᠦᠨ ᠠᠶᠤᠯᠬᠦᠢ︾ ᠪᠠᠶᠢᠬᠤ ᠶᠢ ᠪᠠᠳᠤᠯᠠᠪᠠ᠃ ᠵᠢᠷᠭᠤᠭ᠎ᠠ ᠳᠤ᠂ ᠳᠤᠳᠤᠭᠠᠳᠤ | ᠡᠵᠡᠮᠰᠢᠯ ᠤᠨ ᠳᠤᠭᠳᠠᠴᠠ ᠶᠢᠨ ᠪᠠᠶᠢᠭᠤᠯᠤᠯᠳᠠ ᠶᠢ ᠴᠢᠩᠭᠠᠤᠨᠬᠠᠪᠠ᠃ ︽ᠬᠠᠷᠢᠭᠤᠴᠠᠯᠭ᠎ᠠ ᠳᠤᠳᠤ᠂ ᠪᠦᠳᠤᠴᠠ ᠵᠤᠬᠢᠮᠵᠢᠳᠠᠢ᠂ ᠠᠵᠢᠯᠯᠠᠭ᠎ᠠ ᠪᠠᠳᠤᠯᠠᠭᠠᠳᠠᠢ᠂ | ᠳᠤᠭᠳᠠᠴᠠ ᠪᠦᠳᠤᠮᠵᠢᠳᠠᠢ︾ ᠪᠠᠶᠢᠬᠤ ᠵᠠᠷᠴᠢᠮ ᠶᠤᠰᠤᠭᠠᠷ᠂ ᠲᠦᠰᠤᠪ ᠳᠤᠭᠳᠠᠭᠠᠯᠳᠠ᠂ ᠲᠦᠰᠤᠪ ᠬᠦᠢᠴᠡᠤᠨᠬᠡᠯᠳᠠ ᠪᠤᠯᠤᠨ ᠪᠠᠶᠢᠭᠤᠯᠭ᠎ᠠ ᠶᠢᠨ ᠠᠵᠢᠯ ᠳᠤᠮᠳᠠᠬᠢ | ᠳᠠᠯᠳᠠ ᠲᠦᠭᠰᠢᠬᠦᠷᠢ ᠶᠢ ᠪᠠᠶᠢᠴᠠᠭᠠᠨ ᠴᠡᠭᠴᠡᠯᠡᠵᠤ᠂ ᠠᠯᠪᠠᠨ ᠪᠠᠶᠢᠭᠤᠯᠭ᠎ᠠ ᠶᠢᠨ ᠳᠤᠳᠤᠭᠠᠳᠤ ᠡᠵᠡᠮᠰᠢᠯ ᠤᠨ ᠳᠤᠭᠳᠠᠴᠠ ᠶᠢ ᠨᠠᠶᠢᠷᠠᠭᠤᠯᠤᠨ ᠳᠤᠭᠳᠠᠭᠠᠵᠤ᠂ ᠡᠳ᠋ | ᠤᠨ ᠵᠠᠰᠠᠭ ᠤᠨ ᠳᠤᠳᠤᠭᠠᠳᠤ ᠬᠠᠮᠢᠶᠠᠷᠤᠯᠳᠠ ᠶᠢᠨ ᠲᠦᠪᠰᠢᠨ ᠢᠶᠠᠨ ᠤᠯᠠᠮ ᠳᠡᠬᠡᠭᠰᠢᠯᠡᠬᠦᠯᠤᠨ᠂ ᠳᠤᠳᠤᠭᠠᠳᠤ ᠡᠵᠡᠮᠳᠠᠯ ᠢ ᠲᠦᠷᠢᠮᠵᠢᠬᠦᠯᠤᠨ᠂ ᠴᠢᠬᠡᠴᠢ ᠵᠠᠰᠠᠭ | ᠵᠦᠷᠢᠴᠡᠬᠦ ᠲᠦᠭᠰᠢᠬᠦᠷᠢ ᠶᠢ ᠪᠦᠳᠤᠮᠵᠢᠳᠠᠢ ᠰᠡᠷᠬᠡᠶᠢᠯᠡᠨ ᠡᠵᠡᠮᠳᠠᠪᠠ᠃ | ︵ᠳᠠᠪᠤ︶ ᠡᠳ᠋ ᠤᠨ ᠬᠦᠴᠤᠨ ᠤ ᠳᠡᠮᠵᠢᠯᠬᠡ ᠶᠢ ᠴᠢᠷᠮᠠᠶᠢᠨ ᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠳᠠ ᠶᠢ ᠪᠦᠳᠤᠮᠵᠢᠳᠠᠢ ᠪᠠᠭᠠᠰᠬᠠᠪᠠ᠃ | ᠨᠢᠬᠡ ᠳᠤ᠂ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠶᠢ ᠰᠠᠶᠢᠳᠤᠷ ᠰᠤᠳᠤᠯᠵᠤ᠂ ᠳᠡᠬᠡᠳᠤ ᠱᠠᠳᠤᠨ ᠤ ᠡᠳ᠋ ᠤᠨ ᠵᠠᠰᠠᠭ ᠤᠨ ᠪᠡᠯᠡ | ᠮᠦᠩᠬᠦᠨ ᠤ ᠳᠡᠮᠵᠢᠯᠬᠡ ᠶᠢᠨ ᠬᠠᠨᠳᠤᠰᠢ ᠶᠢ ᠤᠨᠤᠪᠴᠢᠳᠠᠢ ᠡᠵᠡᠮᠳᠡᠵᠤ᠂ ᠪᠦᠬᠦ ᠬᠤᠰᠢᠭᠤᠨ ᠤ ᠪᠤᠳᠠᠳᠤ ᠪᠠᠶᠢᠳᠠᠯ ᠳᠤ ᠰᠠᠭᠤᠷᠢᠯᠠᠨ᠂ ᠨᠠᠶᠢᠳᠠ 133 ᠲᠦᠷᠤᠯ | ᠵᠦᠢᠯ ᠴᠢᠷᠮᠠᠶᠢᠨ ᠠᠪᠴᠢᠷᠠᠵᠤ᠂ ᠳᠡᠬᠡᠳᠤ ᠱᠠᠳᠤᠨ ᠤ ᠪᠡᠯᠡ ᠮᠦᠩᠬᠦ ᠶᠢ ᠨᠠᠶᠢᠳᠠ 11.6 ᠳ᠋ᠦᠩᠰᠢᠭᠤᠷ ᠲᠦᠬᠦᠷᠢᠭ ᠤᠯᠵᠤ ᠠᠪᠴᠢᠷᠠᠪᠠ᠃ ᠬᠤᠶᠠᠷ ᠲᠤ᠂ | ᠮᠦᠩᠭᠦᠨ ᠬᠦᠢᠯᠬᠡᠬᠡᠨ ᠤ ᠪᠠᠳᠤᠯᠠᠨ ᠳᠠᠭᠠᠭᠠᠬᠤ ᠰᠠᠯᠠᠭ᠎ᠠ ᠮᠦᠴᠢᠷ ᠢ ᠢᠳᠡᠪᠬᠢᠳᠠᠢ ᠤᠷᠢᠨ ᠠᠪᠴᠢᠷᠠᠪᠠ᠃ ᠦᠪᠤᠷ ᠮᠤᠩᠭᠤᠯ ᠤᠨ ᠼᠠᠢ ᠰᠢᠨ ᠪᠠᠳᠤᠯᠠᠨ ᠳᠠᠭᠠᠭᠠᠯᠳᠠ | ᠶᠢᠨ ᠺᠤᠮᠫᠠᠨᠢ ᠯᠤᠭ᠎ᠠ ᠬᠡᠯᠡᠯᠴᠡᠬᠡᠷ ᠳᠤᠭᠳᠠᠵᠤ᠂ ︽ᠤᠳᠤᠭ ᠤᠨ ᠡᠮᠤᠨᠡᠳᠤ ᠬᠤᠰᠢᠭᠤᠨ ᠤ ᠮᠠᠯᠴᠢᠨ ᠳᠠᠷᠢᠶᠠᠴᠢᠤᠨ ᠤᠨ ᠳᠠᠭᠠᠭᠠᠯᠳᠠᠳᠤ ᠵᠢᠬᠡᠯᠡᠯᠬᠡ ᠶᠢᠨ | ᠬᠡᠷᠡᠭᠵᠢᠬᠦᠯᠤᠯᠳᠠ ᠶᠢᠨ ᠲᠦᠰᠤᠯ ︵ᠳᠤᠷᠰᠢᠨ ᠬᠡᠷᠡᠭᠯᠡᠬᠦ︶︾ ᠳᠤᠭᠳᠠᠭᠠᠵᠤ᠂ ᠬᠤᠰᠢᠭᠤᠨ ᠤ ᠳᠠᠷᠢᠶᠠᠯᠠᠩ ᠤᠨ ᠪᠠᠩᠬᠢ ᠪᠤᠯᠤᠨ ᠰᠢᠤᠳᠠᠨ ᠬᠠᠳᠠᠭᠠᠯᠠᠮᠵᠢ ᠶᠢᠨ | ᠪᠠᠩᠬᠢ ᠠᠴᠠ ᠵᠢᠬᠡᠯᠡᠯᠬᠡ ᠶᠢᠨ ᠶᠠᠪᠤᠳᠠᠯ ᠢ ᠬᠠᠷᠢᠭᠤᠴᠠᠨ ᠬᠦᠢᠴᠡᠤᠨᠬᠡᠬᠦ ᠪᠤᠯᠪᠠ᠃ ᠭᠤᠷᠪᠠ ᠳᠤ᠂ ᠪᠡᠯᠡ ᠬᠤᠷᠠᠮᠳᠤᠭᠤᠯᠬᠤ ᠬᠦᠴᠤᠯᠡᠴᠠ ᠪᠠᠨ ᠨᠡᠮᠡᠭᠳᠡᠬᠦᠯᠪᠠ᠃ | ᠤᠯᠤᠰ ᠤᠨ ᠨᠡᠬᠡᠬᠡᠯᠳᠠ ᠶᠢᠨ ᠪᠠᠩᠬᠢ᠂ ᠳᠠᠷᠢᠶᠠᠯᠠᠩ ᠤᠨ ᠪᠠᠩᠬᠢ᠂ ᠤᠷᠳᠤᠰ ᠪᠠᠩᠬᠢ᠂ ᠢᠳᠡᠬᠡᠮᠵᠢ ᠶᠢᠨ ᠬᠤᠷᠰᠢᠶ᠎ᠠ᠂ ᠬᠤᠸᠠᠨ ᠴᠢᠦ ᠲᠦᠷᠢᠶᠡᠰᠤᠨ ᠺᠤᠮᠫᠠᠨᠢ ᠵᠡᠷᠬᠡ | 10 ᠮᠦᠩᠬᠦᠨ ᠬᠦᠢᠯᠬᠡᠬᠡᠨ ᠤ ᠰᠠᠯᠠᠭ᠎ᠠ ᠮᠦᠴᠢᠷ ᠯᠦᠭᠡ ᠢᠳᠡᠪᠬᠢᠳᠠᠢ ᠬᠠᠷᠢᠯᠴᠠᠵᠤ᠂ ᠵᠠᠰᠠᠭ ᠤᠨ ᠤᠷᠳᠤᠨ ᠠᠴᠠ ᠤᠶᠢᠯᠡᠴᠢᠯᠡᠭᠡ ᠤᠷᠢᠬᠤ ᠪᠠ ᠡᠬᠡᠬᠦᠯᠤᠨ | ᠬᠤᠳᠠᠯᠳᠤᠵᠤ ᠠᠪᠬᠤ ᠵᠡᠷᠬᠡ ᠠᠷᠭ᠎ᠠ ᠠᠪᠴᠠᠯ ᠢᠶᠠᠷ 30.47 ᠳ᠋ᠦᠩᠰᠢᠭᠤᠷ ᠲᠦᠬᠦᠷᠢᠭ ᠪᠡᠯᠡ ᠬᠤᠷᠠᠮᠳᠤᠭᠤᠯᠬᠤ ᠪᠠᠷ ᠪᠤᠯᠵᠤᠵᠤ᠂ 7.7 ᠳ᠋ᠦᠩᠰᠢᠭᠤᠷ ᠲᠦᠬᠦᠷᠢᠭ | ᠪᠡᠯᠡ ᠬᠤᠷᠠᠮᠳᠤᠭᠤᠯᠬᠤ ᠶᠢ ᠪᠡᠶᠡᠯᠡᠬᠦᠯᠵᠤ᠂ ᠪᠦᠬᠦ ᠬᠤᠰᠢᠭᠤᠨ ᠤ ᠠᠵᠤ ᠤᠶᠢᠯᠡᠰ ᠤᠨ ᠳᠤᠬᠢᠷᠠᠭᠤᠯᠤᠯᠳᠠ ᠪᠤᠯᠤᠨ ᠰᠢᠨᠡᠴᠢᠯᠠᠯᠳᠠ ᠪᠦᠳᠤᠬᠡᠯᠳᠠ ᠳᠤ ᠪᠡᠯᠡ | ᠮᠦᠩᠬᠦᠨ ᠤ ᠳᠡᠮᠵᠢᠯᠬᠡ ᠬᠠᠩᠭᠠᠪᠠ᠃ ᠲᠦᠷᠪᠡ ᠳᠤ᠂ ᠤᠯᠠᠨ ᠨᠠᠶᠢᠳᠠ ᠶᠢᠨ ᠤᠶᠢᠯᠡᠴᠢᠯᠡᠬᠡᠨ ᠤ ᠠᠷᠭ᠎ᠠ ᠬᠡᠯᠪᠡᠷᠢ ᠶᠢᠨ ᠰᠢᠨᠠᠴᠢᠯᠠᠯᠳᠠ ᠶᠢ ᠳᠡᠮᠵᠢᠵᠤ᠂ ᠨᠠᠶᠢᠬᠡᠮ ᠤᠨ | ᠪᠡᠯᠡ ᠮᠦᠩᠬᠦ ᠶᠢ ᠦᠷᠬᠡᠨ ᠢᠶᠠᠷ ᠳᠠᠳᠠᠨ ᠤᠷᠤᠯᠴᠠᠭᠤᠯᠵᠤ᠂ ᠵᠠᠰᠠᠭ ᠤᠨ ᠤᠷᠳᠤᠨ ᠤ ᠨᠠᠶᠢᠳᠠ ᠶᠢᠨ ᠤᠶᠢᠯᠡᠴᠢᠯᠡᠭᠡ ᠠᠪᠬᠤ ᠠᠵᠢᠯ ᠢ ᠯᠠᠪᠳᠠᠭᠤᠨ ᠠᠬᠢᠭᠤᠯᠤᠨ᠂ | ᠠᠵᠤ ᠤᠶᠢᠯᠡᠰ ᠢᠶᠠᠷ ᠰᠠᠭᠤᠷᠢ ᠮᠦᠩᠬᠦ ᠬᠦᠭᠵᠢᠬᠦᠯᠬᠦ᠂ ᠠᠵᠤ ᠠᠬᠤᠶᠢᠯᠠᠯ ᠠᠴᠠ ᠵᠢᠬᠡᠯᠡᠯᠬᠡ ᠶᠢᠨ ᠳᠡᠮᠳᠡᠭ ᠳᠠᠷᠬᠠᠭᠠᠬᠤ ᠵᠡᠷᠬᠡ ᠡᠯ᠎ᠡ ᠠᠷᠭ᠎ᠠ ᠠᠪᠴᠠᠯ ᠢᠶᠠᠷ ᠪᠡᠯᠡ | ᠮᠦᠩᠬᠦᠨ ᠤ ᠤᠷᠤᠭᠤᠯᠤᠯᠳᠠ ᠶᠢ ᠨᠡᠮᠡᠭᠳᠡᠬᠦᠯᠵᠤ᠂ ᠠᠷᠠᠤᠨ ᠤᠨ ᠳᠤᠮᠳᠠᠬᠢ ᠪᠡᠯᠡ ᠮᠦᠩᠬᠦᠨ ᠤ ᠡᠷᠬᠢᠯᠳᠠ ᠶᠢ ᠬᠦᠭᠵᠢᠬᠡᠪᠠ᠃ | ᠲᠦᠯᠤᠬᠡᠯᠡᠭᠴᠢᠤᠨ ᠡ᠂ 2016 ᠤᠨ ᠤ ᠡᠳ᠋ ᠤᠨ ᠵᠠᠰᠠᠭ ᠤᠨ ᠲᠦᠰᠤᠪ ᠤᠨ ᠬᠡᠷᠡᠭᠵᠢᠬᠦᠯᠤᠯᠳᠠ ᠶᠢᠨ ᠪᠠᠶᠢᠳᠠᠯ ᠶᠡᠷᠤᠩᠬᠡᠢ ᠳᠤ ᠪᠠᠨ ᠰᠠᠶᠢᠨ ᠪᠠᠶᠢᠵᠤ᠂ | ᠤᠷᠤᠯᠭ᠎ᠠ ᠵᠠᠷᠤᠯᠭ᠎ᠠ ᠶᠢᠨ ᠬᠡᠪᠴᠢᠶᠡᠵᠢᠯ ᠤᠯᠠᠮ ᠨᠢᠬᠡ ᠠᠯᠬᠤᠮ ᠦᠷᠬᠡᠤᠨᠴᠤ᠂ ᠡᠳ᠋ ᠤᠨ ᠵᠠᠰᠠᠭ ᠤᠨ ᠪᠠᠳᠤᠯᠠᠭ᠎ᠠ ᠶᠢᠨ ᠴᠢᠳᠠᠪᠤᠷᠢ ᠢᠯᠡᠤᠨᠳᠠ ᠳᠡᠬᠡᠭᠰᠢᠯᠡᠪᠠ᠃ | ᠬᠡᠪᠡᠴᠤ ᠪᠢᠳᠠ ᠡᠳ᠋ ᠤᠨ ᠵᠠᠰᠠᠭ ᠤᠨ ᠠᠵᠢᠯ ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠳᠠᠨᠢᠬᠤ ᠬᠡᠷᠡᠭᠲᠡᠢ᠄ ᠨᠢᠬᠡ ᠳᠤ᠂ ᠡᠳ᠋ ᠤᠨ ᠬᠦᠴᠤᠨ | ᠪᠠ ᠪᠡᠯᠡ ᠮᠦᠩᠬᠦᠨ ᠤ ᠬᠤᠤᠰ ᠨᠦᠯᠤᠬᠡᠯᠡᠯ ᠢᠶᠠᠷ ᠭᠠᠵᠠᠷ ᠤᠷᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠢᠯᠡᠤᠨᠳᠠ ᠳᠤᠪᠤᠶᠢᠮ᠎ᠠ᠂ ᠠᠷᠠᠤᠨ | ᠤᠨ ᠠᠮᠢᠳᠤᠷᠠᠯ᠂ ᠦᠷᠢ ᠶᠢ ᠰᠢᠢᠤᠨᠪᠤᠷᠢᠯᠡᠬᠦ ᠵᠡᠷᠬᠡ ᠪᠠᠳᠤᠯᠠᠭ᠎ᠠ ᠶᠢᠨ ᠬᠦᠴᠤᠯᠡᠴᠠ ᠶᠢ ᠶᠡᠬᠡᠤᠨᠬᠡᠬᠦ ᠴᠢᠬᠤᠯᠠᠳᠠᠢ︔ ᠬᠤᠶᠠᠷ ᠲᠤ᠂ ᠳᠡᠬᠡᠳᠤ ᠱᠠᠳᠤᠨ ᠤ ᠲᠦᠷᠤ ᠶᠢᠨ | ᠪᠤᠳᠤᠯᠭ᠎ᠠ᠂ ᠪᠡᠯᠡ ᠮᠦᠩᠬᠦ ᠶᠢ ᠤᠯᠬᠤ ᠬᠦᠴᠤᠯᠡᠴᠠ ᠳᠤᠳᠠᠮᠠᠭ᠂ ᠡᠳ᠋ ᠤᠨ ᠵᠠᠰᠠᠭ ᠤᠨ ᠴᠢᠳᠠᠪᠬᠢ ᠶᠢ ᠪᠠᠳᠠᠷᠠᠭᠤᠯᠬᠤ᠂ ᠠᠵᠢᠯ ᠤᠨ ᠰᠤᠷᠳᠠᠯ ᠢ ᠠᠬᠢᠭᠤᠯᠬᠤ ᠳᠠᠯ᠎ᠠ | ᠪᠠᠷ ᠤᠯᠠᠮ ᠨᠢᠬᠡ ᠠᠯᠬᠤᠮ ᠴᠢᠩᠭᠠᠤᠨᠬᠠᠬᠤ ᠴᠢᠬᠤᠯᠠᠳᠠᠢ︔ ᠭᠤᠷᠪᠠ ᠳᠤ᠂ ᠬᠡᠰᠡᠭ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠯᠳᠠ ᠶᠢᠨ ᠪᠦᠳᠤᠮᠵᠢ ᠦᠨᠳᠤᠷ | ᠪᠤᠰᠤ᠂ ᠡᠳ᠋ ᠤᠨ ᠵᠠᠰᠠᠭ ᠤᠨ ᠪᠦᠳᠤᠮᠵᠢ ᠶᠢᠨ ᠦᠨᠡᠯᠡᠯᠳᠠ ᠪᠠ ᠪᠡᠯᠡ ᠤᠷᠤᠭᠤᠯᠤᠯᠳᠠ ᠶᠢᠨ ᠬᠢᠨᠠᠨ ᠳᠤᠭᠳᠠᠭᠠᠯᠳᠠ ᠶᠢᠨ ᠠᠵᠢᠯ ᠢ ᠢᠳᠡᠪᠬᠢᠳᠠᠢ ᠠᠬᠢᠭᠤᠯᠬᠤ | ᠴᠢᠬᠤᠯᠠᠳᠠᠢ᠃ | ᠬᠤᠶᠠᠷ᠂ 2017 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ︵ᠨᠢᠬᠡ︶ 2017 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ | ᠨᠠᠮ ᠤᠨ ᠨᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ | ᠳᠤᠤᠱᠯᠠᠭᠤᠯᠵᠤ᠂ ᠬᠦᠬᠡᠬᠤᠳᠠ ᠪᠤᠭᠤᠳᠤ ᠤᠷᠳᠤᠰ ᠤᠷᠤᠨ ᠤ ᠬᠠᠮᠳᠤᠷᠠᠨ ᠬᠦᠭᠵᠢᠬᠦ ᠪᠠᠶᠢᠯᠳᠤᠬᠤ ᠪᠤᠳᠤᠯᠭ᠎ᠠ ᠪᠤᠯᠤᠨ ᠪᠦᠬᠦ ᠬᠤᠰᠢᠭᠤᠨ ᠤ ᠠᠵᠤ ᠠᠬᠤᠢ ᠶᠢᠨ | ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠨᠡᠬᠡᠬᠡᠯᠳᠠ ᠲᠠᠢ ᠵᠤᠬᠢᠴᠠᠯ ᠲᠠᠢ ᠠᠮᠢ ᠠᠬᠤᠶᠢᠴᠢ ᠰᠢᠨᠠᠴᠢᠯᠠᠯᠳᠠ ᠲᠠᠢ | ᠬᠠᠮᠳᠤ ᠡᠳ᠋ᠯᠡᠬᠦ ᠬᠦᠭᠵᠢᠯᠳᠠ ᠶᠢᠨ ᠰᠡᠤᠨᠬᠢᠮᠵᠢ ᠶᠢ ᠪᠤᠢ ᠪᠤᠯᠭᠠᠨ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠰᠠᠨᠠᠭᠠᠴᠢᠯᠠᠭ᠎ᠠ ᠲᠠᠢ ᠵᠤᠬᠢᠴᠠᠨ᠂ | ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠳᠤᠭᠳᠠᠴᠠ ᠶᠢᠨ ᠦᠬᠡᠷᠡᠴᠢᠯᠠᠯᠳᠠ᠂ ᠵᠠᠷᠤᠯᠭ᠎ᠠ ᠶᠢᠨ ᠪᠦᠳᠤᠴᠠ ᠶᠢᠨ ᠰᠢᠯᠢᠳᠡᠭᠵᠢᠬᠦᠯᠤᠯᠳᠠ᠂ ᠠᠷᠠᠤᠨ ᠤᠨ | ᠠᠮᠢᠳᠤᠷᠠᠯ ᠤᠨ ᠪᠠᠳᠤᠯᠠᠭ᠎ᠠ ᠵᠡᠷᠬᠡ ᠶᠢ ᠠᠵᠢᠯ ᠤᠨ ᠭᠤᠤᠯᠳᠠᠯᠭ᠎ᠠ ᠪᠤᠯᠭᠠᠨ ᠠᠬᠢᠭᠤᠯᠵᠤ᠂ ᠤᠷᠤᠯᠭ᠎ᠠ ᠨᠡᠮᠡᠭᠳᠡᠬᠦᠯᠤᠨ ᠵᠠᠷᠤᠯᠭᠠᠠᠷᠪᠢᠯᠠᠬᠤ᠂ ᠦᠬᠡᠷᠡᠴᠢᠯᠠᠯᠳᠠ | ᠰᠢᠨᠠᠴᠢᠯᠠᠯᠳᠠ ᠬᠢᠬᠦ᠂ ᠰᠢᠪᠠᠳᠠᠨ ᠪᠠᠶᠢᠴᠠᠭᠠᠵᠤ ᠬᠠᠷᠢᠭᠤᠴᠠᠯᠭ᠎ᠠ ᠠᠰᠠᠭᠤᠬᠤ ᠵᠡᠷᠬᠡ ᠳᠠᠯ᠎ᠠ ᠪᠠᠷ ᠰᠢᠪᠳᠤᠯᠤᠯᠳᠠ ᠬᠢᠵᠤ᠂ ᠬᠦᠭᠵᠢᠯᠳᠠ ᠶᠢᠨ ᠲᠦᠯᠬᠢᠴᠠ ᠬᠦᠴᠤᠨ ᠢ | ᠦᠷᠬᠦᠯᠵᠢᠯᠡᠨ ᠴᠢᠩᠭᠠᠤᠨᠬᠠᠵᠤ᠂ ᠠᠵᠣ ᠠᠮᠢᠳᠣᠷᠠᠯ ᠴᠢᠨᠡᠭᠡᠯᠢᠭ᠂ ᠣᠶᠣᠨ ᠰᠠᠨᠠᠭ᠎ᠠ ᠪᠣᠯᠪᠠᠰᠣᠨ᠂ ᠠᠮᠢ ᠠᠬᠤᠢ ᠵᠣᠬᠢᠴᠠᠯᠳᠠᠢ᠂ ᠡᠮᠬᠢ ᠵᠢᠷᠦᠮ ᠰᠠᠶᠢᠨ | ᠦᠵᠡᠰᠭᠦᠯᠡᠩᠳᠦ ᠰᠠᠶᠢᠬᠠᠨ ᠡᠮᠦᠨᠡᠳᠦ ᠣᠳᠤᠭ ᠢ ᠪᠠᠶᠢᠭᠤᠯᠬᠤ ᠳᠤ ᠡᠳ᠋ ᠤᠨ ᠬᠦᠴᠤᠨ ᠤ ᠪᠠᠳᠤᠯᠠᠭ᠎ᠠ ᠬᠠᠩᠭᠠᠬᠤ ᠪᠠᠷ ᠢᠳᠡᠪᠬᠢᠯᠠᠨᠠ᠃ | ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠳᠠᠢ | ᠨᠢᠬᠡ ᠳᠤ ᠢᠳᠡᠪᠬᠢᠳᠠᠢ ᠯᠠᠪᠳᠠᠭᠤᠨ ᠢᠶᠠᠷ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ ᠤᠷᠤᠯᠭ᠎ᠠ ᠶᠢᠨ ᠲᠦᠰᠤᠪ ᠢ ᠪᠦᠬᠦ ᠬᠤᠰᠢᠭᠤᠨ ᠤ ᠭᠠᠵᠠᠷ | ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠭᠤᠤᠯ ᠬᠦᠭᠵᠢᠯᠳᠠ ᠶᠢᠨ | ᠵᠢᠱᠢᠭᠰᠡᠨ ᠬᠠᠷᠠᠯᠳᠠ ᠲᠠᠢ ᠵᠤᠬᠢᠴᠠᠭᠤᠯᠵᠤ᠂ ᠤᠯᠤᠰ ᠤᠨ ᠭᠠᠶᠢᠯᠢ ᠶᠢᠨ ᠲᠦᠷᠢᠮ ᠤᠨ ᠦᠬᠡᠷᠡᠴᠢᠯᠠᠯᠳᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠢᠯ | ᠤᠶᠢᠯᠡᠰ᠂ ᠭᠠᠶᠢᠯᠢ ᠶᠢᠨ ᠲᠦᠷᠤᠯ ᠢ ᠦᠨᠳᠤᠰᠤᠯᠠᠨ ᠤᠷᠤᠯᠭ᠎ᠠ ᠪᠠ ᠡᠳ᠋ ᠤᠨ ᠬᠦᠴᠤᠨ ᠢ ᠪᠤᠳᠠᠳᠠᠢ ᠲᠦᠰᠤᠪᠯᠡᠨᠠ᠃ ᠵᠠᠷᠤᠯᠭ᠎ᠠ ᠶᠢᠨ ᠲᠦᠰᠤᠪ ᠪᠠ ᠤᠷᠤᠯᠭ᠎ᠠ | ᠶᠢᠨ ᠲᠦᠰᠤᠪ ᠢ ᠬᠠᠷᠢᠯᠴᠠᠨ ᠬᠠᠷᠠᠭᠠᠯᠵᠠᠭᠤᠯᠵᠤ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ | ᠬᠤᠶᠠᠷ ᠲᠤ ᠠᠷᠪᠢᠯᠠᠨ ᠭᠠᠮᠨᠠᠵᠣ᠂ ᠭᠤᠤᠯᠳᠠᠯᠭ᠎ᠠ ᠶᠢ ᠲᠣᠪᠣᠶᠢᠯᠭᠠᠨ᠎ᠠ᠃ ︽ᠴᠠᠯᠢᠩ ᠢ ᠪᠠᠳᠣᠯᠠᠬᠤ᠂ ᠡᠷᠬᠢᠯᠳᠠ ᠶᠢ ᠪᠠᠳᠣᠯᠠᠬᠤ᠂ ᠦᠨᠳᠦᠰᠦᠨ ᠠᠷᠠᠳ ᠤᠨ | ᠠᠮᠢᠳᠣᠷᠠᠯ ᠢ ᠪᠠᠳᠣᠯᠠᠬᠤ᠂ ᠡᠩ ᠤᠨ ᠵᠠᠷᠣᠯᠭ᠎ᠠ ᠶᠢ ᠪᠠᠭᠠᠰᠬᠠᠬᠤ︾ ᠶᠢ ᠲᠣᠪᠣᠶᠢᠯᠭᠠᠨ᠎ᠠ᠃ ︽ᠭᠤᠷᠪᠠᠨ ᠠᠯᠪᠠᠨ︾ ᠵᠠᠷᠣᠳᠠᠯ᠂ ᠵᠠᠰᠠᠭ ᠵᠠᠬᠢᠷᠭᠠᠨ ᠤ ᠡᠷᠬᠢᠯᠳᠠ᠂ | ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠰᠠᠭᠤᠷᠢ ᠪᠠᠶᠢᠭᠤᠯᠣᠯᠳᠠ ᠵᠡᠷᠭᠡ ᠶᠢᠨ ᠡᠩ ᠤᠨ ᠵᠠᠷᠣᠯᠭ᠎ᠠ ᠶᠢ ᠡᠷᠴᠢᠮᠳᠠᠢ ᠪᠠᠭᠠᠰᠬᠠᠵᠣ᠂ ᠬᠡᠯᠪᠡᠷᠢ ᠶᠢ | ᠬᠤᠪᠢᠷᠠᠭᠤᠯᠣᠨ ᠬᠦᠭᠵᠢᠬᠦᠯᠬᠦ᠂ ᠬᠤᠪᠢᠰᠬᠠᠯᠳᠤ ᠬᠦᠮᠤᠵᠢᠯ ᠤᠨ ᠪᠡᠯᠡᠭ ᠳᠡᠪᠰᠢᠬᠦᠯᠬᠦ ᠢᠨᠵᠧᠨᠧᠷᠢᠩ᠂ ᠶᠠᠳᠠᠭᠤ ᠶᠢ ᠲᠡᠳᠬᠦᠬᠦ ᠠᠵᠢᠯ ᠵᠡᠷᠭᠡ ᠬᠤᠰᠢᠭᠤ ᠨᠠᠮ ᠵᠠᠰᠠᠭ | ᠤᠨ ᠴᠢᠬᠤᠯᠠ ᠰᠢᠢᠳᠪᠦᠷᠢ ᠪᠠᠶᠢᠷᠢᠯᠠᠭᠤᠯᠤᠯᠳᠠ ᠶᠢ ᠭᠤᠣᠯᠳᠠᠯᠭᠠᠳᠠᠢ ᠠᠳᠬᠤᠨ᠎ᠠ᠃ | ᠭᠤᠷᠪᠠ ᠳᠤ ᠰᠠᠬᠢᠯᠭ᠎ᠠ ᠪᠠᠳᠣ ᠶᠢ ᠴᠢᠩᠳᠡᠯᠡᠵᠤ᠂ ᠦᠷ᠎ᠡ ᠠᠰᠢᠭ ᠢ ᠲᠡᠭᠡᠭᠰᠢᠯᠡᠭᠦᠯᠦᠨ᠎ᠠ᠃ ᠡᠳ᠋ ᠤᠨ ᠵᠠᠰᠠᠭ ᠠᠵᠣ ᠠᠬᠤᠢ ᠶᠢᠨ ᠰᠠᠬᠢᠯᠭ᠎ᠠ ᠶᠢ ᠣᠯᠠᠮ | ᠴᠢᠩᠳᠡᠯᠡᠵᠤ᠂ ᠡᠳ᠋ ᠤᠨ ᠵᠠᠰᠠᠭ ᠤᠨ ᠲᠦᠰᠦᠪ ᠪᠠ ᠭᠦᠢᠴᠡᠳᠬᠡᠯ᠂ ᠡᠯ᠎ᠡ ᠰᠠᠯᠠᠭ᠎ᠠ ᠮᠦᠴᠢᠷ ᠤᠨ ᠲᠦᠰᠦᠪ ᠪᠠ ᠭᠦᠢᠴᠡᠳᠬᠡᠯ᠂ ︽ᠭᠤᠷᠪᠠᠨ ᠠᠯᠪᠠᠨ︾ ᠵᠠᠷᠣᠳᠠᠯ | ᠤᠨ ᠲᠦᠰᠦᠪ ᠪᠠ ᠭᠦᠢᠴᠡᠳᠬᠡᠯ ᠢ ᠬᠠᠤᠯᠢ ᠲᠣᠭᠳᠠᠭᠠᠯ ᠶᠣᠰᠣᠭᠠᠷ ᠴᠠᠭ ᠲᠣᠬᠠᠢ ᠳᠤ ᠨᠢ ᠢᠯᠡᠰᠢᠭᠦᠯᠦᠨᠡ᠃ ᠡᠳ᠋ ᠤᠨ ᠵᠠᠰᠠᠭ ᠤᠨ ᠪᠡᠯᠡ ᠮᠦᠩᠭᠦ ᠶᠢᠨ | ᠨᠢᠭᠡᠳᠦᠯᠳᠡᠢ ᠲᠦᠯᠦᠪᠵᠢᠭᠦᠯᠦᠭᠰᠡᠨ ᠬᠡᠷᠡᠭᠯᠡᠯᠳᠠ ᠶᠢ ᠠᠬᠢᠭᠤᠯᠵᠣ᠂ ᠡᠳ᠋ ᠤᠨ ᠵᠠᠰᠠᠭ ᠤᠨ ᠬᠠᠳᠠᠭᠠᠯᠠᠯᠳᠠ ᠪᠡᠯᠡ ᠮᠦᠩᠭᠦ ᠶᠢ ᠠᠮᠢᠳᠣᠯᠢᠭᠵᠢᠭᠤᠯᠵᠣ᠂ ᠡᠳ᠋ ᠤᠨ ᠵᠠᠰᠠᠭ | ᠤᠨ ᠬᠠᠮᠢᠶᠠᠷᠣᠯᠳᠠ ᠶᠢᠨ ᠦᠷ᠎ᠡ ᠪᠦᠳᠦᠮᠵᠢ ᠶᠢᠨ ᠶᠡᠷᠦᠩᠬᠡᠶᠢᠯᠡᠭᠰᠡᠨ ᠦᠨᠡᠯᠡᠯᠳᠠ ᠶᠢ ᠬᠡᠷᠡᠭᠵᠢᠭᠦᠯᠵᠣ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ ᠠᠰᠢᠭ ᠢ | ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ | ︵ᠭᠤᠷᠪᠠ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ | 2017 ᠣᠨ ᠳᠤ ᠲᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ ᠢ 19.5 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠳᠡᠬᠡᠷ᠎ᠠ ᠵᠢᠯ ᠠᠴᠠ 8% ᠦᠰᠬᠡᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 1.1 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ | ᠪᠠᠭᠳᠠᠭᠠᠨ᠎ᠠ︶᠂ ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ ᠬᠤᠪᠢᠶᠠᠷᠢᠯᠠᠯ ᠤᠨ ᠤᠷᠤᠯᠭ᠎ᠠ ᠶᠢᠨ ᠲᠦᠷᠤᠯ ᠵᠦᠢᠯ ᠪᠤᠯ᠄ | ⑴ ᠭᠠᠶᠢᠯᠢ ᠶᠢᠨ ᠤᠷᠤᠯᠭ᠎ᠠ 13 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 27.08% ᠥᠰᠭᠡᠨ᠎ᠡ᠃ | ⑵ ᠭᠠᠶᠢᠯᠢ ᠶᠢᠨ ᠪᠤᠰᠤ ᠤᠷᠤᠯᠭ᠎ᠠ 6.5 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 17.41% ᠪᠠᠭᠤᠷᠠᠭᠤᠯᠣᠨ᠎ᠠ᠃ | 2. ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠰᠢᠨ᠎ᠡ ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ | 2017 ᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠢ 27.16 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ | ᠳᠡᠬᠡᠷ᠎ᠠ ᠵᠢᠯ ᠠᠴᠠ 9.19% ᠪᠠᠭᠤᠷᠠᠭᠤᠯᠣᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.96 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ | ᠪᠠᠭᠳᠠᠭᠠᠨ᠎ᠠ︶᠃ | ⑴ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ 8.6 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 31.66% ᠡᠵᠡᠯᠡᠭᠦᠯᠦᠨ᠎ᠡ︔ ᠠᠯᠪᠠᠨ ᠬᠡᠷᠡᠭᠯᠡᠬᠡᠨ ᠤ | ᠪᠠ ᠠᠵᠢᠯ ᠥᠢᠯᠡᠰ ᠤᠨ ᠵᠠᠷᠤᠳᠠᠯ ᠤᠨ ᠵᠠᠷᠤᠯᠭ᠎ᠠ ᠶᠢᠨ ᠲᠦᠰᠤᠪ ᠢ 5.17 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ | ᠵᠠᠰᠠᠭ ᠤᠨ ᠵᠠᠷᠤᠯᠭ᠎ᠠ ᠶᠢᠨ ᠲᠦᠰᠤᠪ ᠤᠨ 19.04% ᠡᠵᠡᠯᠡᠭᠦᠯᠦᠨ᠎ᠡ︔ ᠲᠦᠷᠤᠯ ᠵᠦᠢᠯ ᠤᠨ ᠵᠠᠷᠤᠯᠭ᠎ᠠ ᠶᠢᠨ ᠲᠦᠰᠤᠪ ᠢ 13.39 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 49.3% ᠡᠵᠡᠯᠡᠭᠦᠯᠦᠨ᠎ᠡ᠃ | ⑵ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 2.21 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠤᠨ8.14% ᠡᠵᠡᠯᠡᠭᠦᠯᠦᠨ᠎ᠡ︔ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.56 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 2. | 06% ᠡᠵᠡᠯᠡᠭᠦᠯᠦᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 2.17 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 7.99% | ᠡᠵᠡᠯᠡᠭᠦᠯᠦᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.44 ᠲᠥᠮᠡᠨ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 1.62% | ᠡᠵᠡᠯᠡᠭᠦᠯᠦᠨ᠎ᠡ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.34 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ | ᠲᠦᠰᠤᠪ ᠤᠨ 1.25% ᠡᠵᠡᠯᠡᠭᠦᠯᠦᠨ᠎ᠡ︔ | 6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.63 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ | ᠶᠢᠨ ᠲᠦᠰᠤᠪ ᠤᠨ6% ᠡᠵᠡᠯᠡᠭᠦᠯᠦᠨ᠎ᠡ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 0.83 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ | ᠤᠨ ᠵᠠᠷᠤᠯᠭ᠎ᠠ ᠶᠢᠨ ᠲᠦᠰᠤᠪ ᠤᠨ 3.06% ᠡᠵᠡᠯᠡᠭᠦᠯᠦᠨ᠎ᠡ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 360 ᠲᠦᠮᠡᠨ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ | 0.15% ᠡᠵᠡᠯᠡᠭᠦᠯᠦᠨ᠎ᠡ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.37 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠤᠨ 1.36% ᠡᠵᠡᠯᠡᠭᠦᠯᠦᠨ᠎ᠡ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 0.6 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ | ᠲᠦᠰᠤᠪ ᠤᠨ 2.21% ᠡᠵᠡᠯᠡᠭᠦᠯᠦᠨ᠎ᠡ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.27 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ | 0.99% ᠡᠵᠡᠯᠡᠭᠦᠯᠦᠨ᠎ᠡ︔ | 12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.18 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ | ᠵᠠᠷᠤᠯᠭ᠎ᠠ ᠶᠢᠨ ᠲᠦᠰᠤᠪ ᠤᠨ 0.66% ᠡᠵᠡᠯᠡᠭᠦᠯᠦᠨ᠎ᠡ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 268 ᠲᠥᠮᠡᠨ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠤᠨ 0.11% ᠡᠵᠡᠯᠡᠭᠦᠯᠦᠨ᠎ᠡ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 692 ᠲᠥᠮᠨᠨ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠤᠨ 0.26% ᠡᠵᠡᠯᠡᠭᠦᠯᠦᠨ᠎ᠡ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 195 ᠲᠦᠮᠡᠨ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ | 0.07% ᠡᠵᠡᠯᠡᠭᠦᠯᠦᠨ᠎ᠡ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 138 ᠲᠥᠮᠡᠨ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ | 0.04% ᠡᠵᠡᠯᠡᠭᠦᠯᠦᠨ᠎ᠡ︔ | 17︶ ᠪᠡᠯᠡᠤᠨᠬᠡᠯ ᠵᠠᠷᠤᠳᠠᠯ 0.3 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 1.1% ᠡᠵᠡᠯᠡᠭᠦᠯᠦᠨ᠎ᠡ︔ | 18︶ ᠪᠤᠰᠤᠤᠨ ᠵᠠᠷᠤᠯᠭ᠎ᠠ 17.09 ᠳ᠋ᠦᠩᠰᠢᠭᠤᠷ ᠲᠦᠬᠦᠷᠢᠭ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠤᠨ 62.93% | ᠡᠵᠡᠯᠡᠭᠦᠯᠦᠨ᠎ᠡ︔ ᠱᠠᠩᠬᠠᠢ ᠶᠢᠨ ᠰᠥᠮ᠎ᠡ ᠨᠡᠭᠡᠭᠡᠯᠳᠡ ᠶᠢᠨ ᠤᠷᠤᠨ ᠤ ᠵᠠᠷᠤᠯᠭ᠎ᠠ 0.96 ᠳ᠋ᠥᠩᠰᠢᠭᠤᠷ ᠲᠥᠭᠦᠷᠢᠭ︔ ᠲᠠᠩᠰᠠᠯᠠᠭᠤᠯᠣᠭᠰᠠᠨ ᠪᠡᠯᠡ ᠮᠦᠩᠭᠦ 5.07 | ᠳ᠋ᠥᠩᠰᠢᠭᠤᠷ ᠲᠥᠭᠦᠷᠢᠭ︔ ᠬᠤᠪᠢᠰᠬᠠᠯᠳᠦ ᠵᠢᠭᠤᠯᠴᠢᠯᠠᠯ᠂ ᠳ᠋ᠠᠶᠢᠲᠨ ᠲᠦᠪ ᠵᠡᠷᠭᠡ ᠭᠤᠣᠯᠳᠠᠯᠭᠠᠳᠦ ᠢᠨᠵᠧᠨᠧᠷᠢᠩ ᠲᠤ 1.9 ᠳ᠋ᠥᠩᠰᠢᠭᠤᠷ ᠲᠥᠭᠦᠷᠢᠭ︔ | ᠨᠠᠰᠤᠵᠢᠯ ᠤᠨ ᠲᠠᠭᠠᠳᠬᠠᠯ ᠤᠨ ᠥᠢᠯᠡᠰ᠂ ᠠᠯᠪᠠᠨ ᠲᠡᠷᠭᠡ᠂ ᠭᠡᠷ ᠪᠠᠶᠢᠰᠢᠩ ᠤᠨ ᠥᠭᠡᠷᠡᠴᠢᠯᠡᠯᠳᠡ ᠶᠢᠨ ᠨᠥᠭᠦᠪᠥᠷᠢ᠂ ᠠᠮᠠᠷᠠᠯᠳᠠ ᠶᠢᠨ ᠨᠦᠬᠦᠪᠦᠷᠢ᠂ ᠴᠠᠯᠢᠩ | ᠦᠰᠭᠡᠬᠦ᠂ ᠭᠠᠴᠠᠭ᠎ᠠ ᠲᠣᠰᠬᠤᠨ ᠳᠤ ᠪᠠᠶᠢᠩᠭᠤ ᠰᠠᠭᠤᠭ᠎ᠠ ᠺᠠᠳ᠋ᠷ᠂ ᠲᠣᠣᠷᠵᠢᠯ ᠬᠠᠮᠢᠶᠠᠷᠣᠯᠳᠠ ᠶᠢᠨ ᠭᠡᠰᠢᠭᠦᠨ ᠤ ᠴᠠᠯᠢᠩ ᠳᠤ 2.6 ᠳ᠋ᠥᠩᠰᠢᠭᠤᠷ ᠲᠥᠭᠦᠷᠢᠭ︔ | ᠲᠣᠯᠠᠭᠠᠯᠠᠭ᠎ᠠ ᠶᠢᠨ ᠵᠠᠷᠣᠳᠠᠯ ᠳᠤ 0.28 ᠳ᠋ᠥᠩᠰᠢᠭᠤᠷ ᠲᠥᠭᠦᠷᠢᠭ︔ ᠪᠦᠬᠦ ᠣᠯᠣᠰ ᠤᠨ ᠪᠣᠯᠪᠠᠰᠣᠨ ᠬᠤᠳᠠ ᠶᠢᠨ ᠴᠣᠭᠴᠠᠯᠠᠯᠳᠡ ᠳᠤ 0.2 ᠳ᠋ᠥᠩᠰᠢᠭᠤᠷ | ᠲᠥᠭᠦᠷᠢᠭ︔ ᠨᠠᠷᠢᠯᠢᠭ ᠣᠨᠣᠪᠴᠢᠳᠠᠢ ᠶᠠᠳᠠᠭᠤ ᠶᠢ ᠲᠡᠳᠬᠦᠬᠦ ᠪᠠ ᠨᠡᠭᠦᠯᠭᠡᠨ ᠰᠢᠯᠵᠢᠭᠦᠯᠵᠣ ᠲᠡᠳᠬᠦᠬᠦ ᠳᠤ 600 ᠲᠦᠮᠡᠨ ᠲᠥᠭᠦᠷᠢᠭ︔ ᠣᠶᠣᠨᠴᠢ ᠨᠠᠮ ᠤᠨ | ᠪᠠᠶᠢᠭᠤᠯᠣᠯᠳᠠ ᠳᠤ 800 ᠲᠦᠮᠡᠨ ᠲᠥᠭᠦᠷᠢᠭ︔ ᠲᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠲᠣᠰᠬᠠᠢ ᠲᠦᠷᠦᠯ ᠪᠠ ᠬᠤᠷᠠᠯ ᠤᠨ ᠰᠢᠢᠳᠪᠦᠷᠢ 4.03 | ᠳ᠋ᠥᠩᠰᠢᠭᠤᠷ ᠲᠥᠭᠦᠷᠢᠭ︔ ᠲᠡᠭᠡᠭᠰᠢ ᠲᠤᠰᠢᠶᠠᠬᠤ ᠵᠠᠷᠤᠯᠭ᠎ᠠ 500 ᠲᠦᠮᠡᠨ ᠲᠥᠭᠦᠷᠢᠭ︔ ᠠᠷᠠᠳ ᠢ ᠬᠠᠷᠠᠭᠠᠯᠵᠠᠬᠤ ᠢᠨᠵᠧᠨᠧᠷᠢᠩ ᠲᠤ 0.3 ᠳ᠋ᠥᠩᠰᠢᠭᠤᠷ | ᠲᠥᠭᠦᠷᠢᠭ︔ ᠬᠤᠷᠠᠯ ᠤᠨ ᠵᠠᠷᠤᠯᠭ᠎ᠠ᠂ ᠪᠤᠯᠪᠠᠰᠤᠷᠠᠯ ᠤᠨ ᠵᠠᠷᠤᠯᠭ᠎ᠠ᠂ ᠵᠠᠮ ᠤᠨ ᠵᠠᠷᠤᠳᠠᠯ᠂ ᠨᠡᠶᠢᠭᠡᠮᠯᠢᠭ ᠤᠨ ᠠᠵᠢᠯᠯᠠᠮᠵᠢ ᠶᠢᠨ ᠵᠠᠷᠣᠯᠭ᠎ᠠ᠂ ᠲᠣᠬᠤᠨᠢᠭᠤᠯᠭ᠎ᠠ᠂ | ᠭᠠᠶᠢᠯᠢ ᠶᠢᠨ ᠪᠣᠰᠣ ᠨᠦᠬᠦᠪᠦᠷᠢᠯᠡᠯ ᠤᠨ ᠠᠵᠢᠯ ᠣᠶᠢᠯᠠᠰ ᠤᠨ ᠵᠠᠷᠣᠯᠭ᠎ᠠ᠂ ︽ᠨᠢᠭᠡ ᠬᠡᠷᠡᠭ ᠢ ᠨᠢᠭᠡ ᠵᠦᠪᠯᠡᠬᠦ︾᠂ ᠡᠯᠧᠺᠲᠷᠣᠨ ᠠᠷᠠᠯᠵᠢᠶᠠᠨ ᠤ ᠬᠦᠭᠵᠢᠯᠳᠠ᠂ | ᠰᠡᠯᠪᠢᠯᠳᠡ ᠶᠢᠨ ᠵᠠᠷᠤᠳᠠᠯ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ᠂ ᠵᠠᠰᠠᠭ ᠤᠨ ᠣᠷᠳᠣᠨ ᠠᠴᠠ ᠨᠡᠶᠢᠳᠡ ᠶᠢᠨ ᠣᠶᠢᠯᠡᠴᠢᠯᠡᠭᠡ ᠬᠤᠳᠠᠯᠳᠣᠨ ᠠᠪᠬᠤ | ᠠᠵᠢᠯ ᠤᠨ ᠵᠠᠷᠤᠳᠠᠯ ᠵᠡᠷᠭᠡ 1.25 ᠳ᠋ᠥᠩᠰᠢᠭᠤᠷ ᠲᠥᠭᠦᠷᠢᠭ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠲᠥᠭᠦᠷ ᠵᠠᠷᠤᠳᠠᠯ 0.21 | ᠳ᠋ᠥᠩᠰᠢᠭᠤᠷ ᠲᠥᠭᠦᠷᠢᠭ︔ ᠣᠯᠣᠰ ᠤᠨ ᠮᠦᠩᠭᠦᠨ ᠤ ᠬᠦᠮᠦᠷᠭᠡ ᠠᠵᠢᠯᠯᠠᠮᠵᠢ ᠶᠢᠨ ᠵᠠᠷᠣᠳᠠᠯ᠂ ᠭᠠᠶᠢᠯᠢ ᠲᠠᠳᠠᠪᠦᠷᠢᠯᠠᠨ ᠬᠠᠮᠢᠶᠠᠷᠬᠤ ᠵᠠᠷᠣᠳᠠᠯ ᠵᠡᠷᠭᠡ ᠳᠤ 0.1 | ᠳ᠋ᠥᠩᠰᠢᠭᠤᠷ ᠲᠥᠭᠦᠷᠢᠭ ᠢ ᠪᠠᠭᠳᠠᠭᠠᠨ᠎ᠠ᠃ | ⑶ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠥᠰᠥᠪ ᠤᠨ ᠲᠡᠩᠴᠡᠭᠦᠷᠢᠰᠢᠭᠦᠯᠥᠯᠳᠡ ᠶᠢᠨ ᠪᠠᠶᠢᠳᠠᠯ | 2017 ᠤᠨ ᠳᠤ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠥᠰᠥᠪ ᠢ 27.35 ᠳ᠋ᠥᠩᠰᠢᠭᠤᠷ ᠲᠥᠭᠦᠷᠢᠭ ᠢᠶᠠᠷ ᠰᠠᠨᠠᠭᠠᠴᠢᠯᠠᠵᠤ᠂ ᠨᠡᠶᠢᠳᠡ | ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠥᠰᠥᠪ ᠢ 27.16 ᠳ᠋ᠥᠩᠰᠢᠭᠤᠷ ᠲᠥᠭᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ 0.19 ᠳ᠋ᠥᠩᠰᠢᠭᠤᠷ ᠲᠥᠭᠦᠷᠢᠭ | ᠥᠯᠡᠳᠡᠪᠥᠷᠢ ᠲᠠᠢ ᠪᠤᠯᠭᠠᠨ᠎ᠠ᠃ | ︵ᠲᠦᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ ᠢ ︽ᠤᠷᠤᠯᠭ᠎ᠠ ᠪᠠᠷ ᠵᠠᠷᠤᠯᠭ᠎ᠠ ᠶᠢ ᠳᠤᠭᠳᠠᠭᠠᠬᠤ᠂ ᠳᠤᠰᠬᠠᠢ ᠵᠤᠭᠤᠰ ᠢ ᠳᠤᠰᠬᠠᠢ | ᠬᠡᠷᠡᠭᠯᠡᠬᠦ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠬᠦ︾ ᠵᠠᠷᠴᠢᠮ ᠢ ᠦᠨᠳᠤᠰᠤᠯᠡᠨ ᠳᠤᠭᠳᠠᠭᠠᠨ᠎ᠠ᠃ | 1. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ | 2017 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 3.24 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 22.73% ᠦᠰᠭᠡᠨ᠎ᠡ᠃ ᠡᠬᠦᠨ ᠳᠤ᠂ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ | ᠰᠠᠭᠤᠷᠢ ᠮᠦᠩᠬᠦᠨ ᠤ ᠤᠷᠤᠯᠭ᠎ᠠ 2.96 ᠳ᠋ᠦᠩᠰᠢᠭᠤᠷ ᠲᠦᠬᠦᠷᠢᠭ᠂ ᠨᠢᠳᠤᠨᠤᠨ ᠤ ᠲᠦᠰᠤᠪ ᠠᠴᠠ 112.95% ᠦᠰᠬᠡᠨ᠎ᠠ︔ ᠲᠡᠭᠡᠷ᠎ᠡ ᠵᠢᠯ ᠤᠨ | ᠦᠯᠡᠳᠡᠪᠤᠷᠢ ︵ᠲᠣᠰᠬᠠᠢ ᠲᠦᠷᠦᠯ︶ 0.28 ᠳ᠋ᠦᠩᠰᠢᠭᠤᠷ ᠲᠦᠬᠦᠷᠢᠭ᠃ | 2. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ | 2017 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 3.24 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 113.16% ᠦᠰᠭᠡᠨ᠎ᠡ᠃ | ︵ᠲᠠᠪᠤ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠲᠦᠰᠤᠪ | 2017 ᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠵᠠᠷᠣᠯᠭ᠎ᠠ ᠶᠢᠨ ᠲᠦᠰᠤᠪ ᠢ 1.45 ᠳ᠋ᠦᠩᠰᠢᠭᠤᠷ ᠲᠦᠬᠦᠷᠢᠭ ᠳᠤᠬᠢᠷᠠᠭᠤᠯᠬᠤ | ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 15.2% ᠪᠠᠭᠤᠷᠠᠭᠤᠯᠤᠨ᠎ᠠ᠃ ᠡᠬᠦᠨ ᠳᠤ᠂ ᠨᠠᠰᠤᠵᠢᠯ ᠤᠨ ᠳᠠᠭᠠᠤᠨᠬᠠᠯ 0.88 ᠳ᠋ᠦᠩᠰᠢᠭᠤᠷ ᠲᠦᠬᠦᠷᠢᠭ᠂ | 22.81% ᠪᠠᠭᠤᠷᠠᠭᠤᠯᠤᠨ᠎ᠠ︔ ᠠᠵᠢᠯ ᠠᠯᠳᠠᠭᠰᠠᠤᠨ ᠤᠨ ᠳᠠᠭᠠᠤᠨᠬᠠᠯ 669 ᠲᠥᠮᠡᠨ ᠲᠦᠬᠦᠷᠢᠭ᠂ 2.92% ᠨᠡᠮᠡᠭᠳᠡᠭᠦᠯᠦᠨ᠎ᠡ︔ ᠡᠮ ᠡᠮᠨᠡᠯᠬᠡ ᠶᠢᠨ | ᠳᠠᠭᠠᠤᠨᠬᠠᠯ 0.45 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠲᠠᠢ ᠠᠳᠠᠯᠢ ᠪᠠᠶᠢᠯᠭᠠᠨ᠎ᠠ︔ ᠠᠵᠢᠯ ᠤᠨ ᠬᠡᠮᠳᠤᠯ ᠤᠨ ᠳᠠᠭᠠᠤᠨᠬᠠᠯ 398 ᠲᠥᠮᠡᠨ ᠲᠦᠬᠦᠷᠢᠭ᠂ | 45.26% ᠨᠡᠮᠡᠭᠳᠡᠭᠦᠯᠦᠨ᠎ᠡ︔ ᠬᠦᠩᠬᠡᠵᠢᠯ ᠤᠨ ᠳᠠᠭᠠᠤᠨᠬᠠᠯ 218 ᠲᠥᠮᠡᠨ ᠲᠦᠬᠦᠷᠢᠭ᠂ 18.96% ᠪᠠᠭᠤᠷᠠᠭᠤᠯᠤᠨ᠎ᠠ᠃ | ᠭᠤᠷᠪᠠ᠂ 2017 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ | 2017 ᠣᠨ ᠤ ᠡᠳ᠋ ᠤᠨ ᠵᠠᠰᠠᠭ ᠤᠨ ᠲᠦᠰᠦᠪ ᠢ ᠣᠷᠣᠭᠰᠢᠳᠠᠢ ᠬᠦᠭᠵᠢᠭᠦᠯᠬᠦ ᠶᠢᠨ ᠲᠣᠰᠠᠳᠠ᠂ ᠪᠢᠳᠡ ᠲᠣᠣᠷᠠᠬᠢ ᠲᠠᠪᠣᠨ ᠲᠠᠯ᠎ᠠ ᠶᠢᠨ ᠠᠵᠢᠯ ᠢ | ᠭᠤᠣᠯᠳᠠᠯᠭᠠᠳᠠᠢ ᠰᠠᠶᠢᠨ ᠠᠳᠬᠤᠨ᠎ᠠ᠃ | ︵ᠨᠢᠭᠡ︶ ᠬᠦᠴᠢᠷ ᠪᠡᠷᠬᠡ ᠶᠢ ᠢᠯᠠᠨ᠂ ᠡᠳ᠋ ᠤᠨ ᠵᠠᠰᠠᠭ ᠤᠨ ᠣᠷᠣᠯᠭ᠎ᠠ ᠶᠢ ᠰᠠᠶᠢᠳᠦᠷ ᠠᠳᠬᠤᠨ᠎ᠠ᠃ ᠨᠢᠭᠡ ᠳᠤ ᠣᠯᠣᠰ ᠤᠨ ᠭᠠᠶᠢᠯᠢ ᠶᠢᠨ ᠲᠦᠷᠢᠮ ᠤᠨ | ᠦᠭᠡᠷᠡᠴᠢᠯᠡᠯᠳᠡ ᠶᠢᠨ ᠬᠠᠨᠳᠣᠰᠢ ᠶᠢ ᠰᠠᠶᠢᠳᠦᠷ ᠠᠩᠬᠠᠷᠴᠦ᠂ ᠭᠤᠣᠯᠳᠠᠯᠭᠠᠳᠦ ᠬᠦᠷᠢᠶ᠎ᠡ ᠴᠠᠷᠠᠭ᠎ᠠ᠂ ᠭᠤᠣᠯᠳᠠᠯᠭᠠᠳᠦ ᠠᠵᠢᠯ ᠲᠦᠷᠦᠯ ᠤᠨ ᠭᠠᠶᠢᠯᠢ ᠶᠢᠨ ᠰᠣᠷᠪᠣᠯᠵᠢ | ᠶᠢᠨ ᠬᠦᠳᠡᠯᠦᠩᠭᠦᠢ ᠵᠠᠳᠠᠯᠣᠯᠳᠠ᠂ ᠭᠠᠶᠢᠯᠢ ᠶᠢᠨ ᠲᠠᠯᠳᠠ ᠰᠣᠷᠪᠣᠯᠵᠢ᠂ ᠲᠠᠷᠬᠠᠢ ᠪᠣᠳᠠᠷᠬᠠᠢ ᠭᠠᠶᠢᠯᠢ ᠶᠢᠨ ᠡᠬᠢ ᠶᠢᠨ ᠬᠠᠮᠢᠶᠠᠷᠣᠯᠳᠠ ᠶᠢ ᠴᠢᠩᠭᠠᠳᠬᠠᠵᠣ᠂ ᠭᠠᠶᠢᠯᠢ | ᠲᠠᠳᠠᠪᠦᠷᠢᠯᠠᠯᠳᠡ ᠶᠢᠨ ᠲᠣᠰᠬᠠᠢ ᠪᠠᠶᠢᠴᠠᠭᠠᠯᠳᠠ ᠪᠣᠯᠣᠨ ᠭᠠᠶᠢᠯᠢ ᠶᠢᠨ ᠶᠠᠪᠣᠳᠠᠯ ᠤᠨ ᠮᠦᠷᠳᠡᠨ ᠪᠠᠶᠢᠴᠠᠭᠠᠯᠳᠡ ᠶᠢ ᠴᠢᠩᠭᠠᠳᠬᠠᠨ᠂ ᠬᠠᠣᠯᠢ ᠲᠣᠭᠳᠠᠭᠠᠯ ᠶᠣᠰᠣᠭᠠᠷ | ᠣᠷᠣᠯᠭ᠎ᠠ ᠲᠠᠳᠠᠪᠦᠷᠢᠯᠠᠬᠤ ᠬᠦᠴᠦᠯᠡᠴᠡ᠂ ᠴᠢᠭᠯᠡᠯ ᠢ ᠡᠵᠡᠮᠳᠡᠵᠣ᠂ ᠲᠠᠳᠠᠪᠦᠷᠢᠯᠠᠪᠠᠰᠦ ᠵᠣᠬᠢᠬᠤ ᠶᠢ ᠴᠦᠮ ᠲᠠᠳᠠᠪᠦᠷᠢᠯᠠᠬᠤ ᠶᠢ ᠪᠠᠳᠣᠯᠠᠨ᠎ᠠ᠃ ᠬᠤᠶᠠᠷ ᠲᠤ᠂ ᠡᠳ᠋ | ᠤᠨ ᠵᠠᠰᠠᠭ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠨᠢᠭᠳᠠ ᠬᠠᠷᠢᠯᠴᠠᠨ ᠬᠠᠮᠵᠢᠯᠴᠠᠵᠣ᠂ ᠲᠠᠳᠠᠪᠦᠷᠢᠯᠠᠬᠤ ᠡᠷᠴᠢᠮ ᠢᠶᠠᠨ ᠴᠢᠩᠭᠠᠳᠬᠠᠨ᠂ ᠰᠢᠨ᠎ᠡ ᠬᠡᠪ | ᠪᠠᠶᠢᠳᠠᠯ ᠲᠣᠣᠷᠠᠬᠢ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠠᠵᠢᠯ ᠲᠠᠢ ᠰᠠᠨᠠᠭᠠᠴᠢᠯᠠᠭ᠎ᠠ ᠲᠠᠢ ᠵᠣᠬᠢᠴᠠᠵᠣ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ | ᠲᠦᠷᠦ ᠶᠢᠨ ᠪᠣᠳᠣᠯᠭ᠎ᠠ ᠶᠢ ᠢᠳᠡᠪᠬᠢᠳᠡᠢ ᠰᠣᠳᠣᠯᠣᠨ᠂ ᠬᠤᠪᠢᠰᠬᠠᠯᠳᠦ ᠵᠢᠭᠤᠯᠴᠢᠯᠠᠯ᠂ ᠣᠳᠣ ᠦᠶ᠎ᠡ ᠶᠢᠨ ᠪᠣᠳᠠᠰ ᠤᠨ ᠭᠦᠢᠯᠭᠡᠭᠡ ᠵᠡᠷᠭᠡ ᠰᠢᠨ᠎ᠡ ᠬᠡᠯᠪᠡᠷᠢ ᠶᠢᠨ | ᠭᠤᠷᠪᠠᠳᠦᠭᠠᠷ ᠠᠵᠣ ᠣᠶᠢᠯᠠᠰ ᠤᠨ ᠡᠳ᠋ ᠤᠨ ᠢᠷᠡᠯᠳᠡ ᠶᠢ ᠪᠣᠶᠢᠵᠠᠭᠤᠯᠵᠣ᠂ ᠡᠳ᠋ ᠤᠨ ᠢᠷᠡᠯᠳᠡ ᠶᠢᠨ ᠰᠢᠰᠲ᠋ᠧᠮ ᠢ ᠲᠠᠰᠣᠷᠠᠯᠳᠠ ᠦᠭᠡᠢ ᠪᠣᠵᠠᠭᠠᠶᠢᠷᠠᠭᠤᠯᠣᠨ᠂ ᠡᠳ᠋ | ᠤᠨ ᠢᠷᠡᠯᠳᠡ ᠶᠢᠨ ᠰᠠᠭᠤᠷᠢ ᠶᠢ ᠪᠠᠬᠢᠵᠢᠭᠦᠯᠦᠨ᠎ᠡ᠃ ᠡᠭᠦᠨ ᠤ ᠬᠠᠮᠳᠦ᠂ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠢ ᠢᠳᠡᠪᠬᠢᠳᠡᠢ | ᠵᠣᠬᠢᠴᠠᠭᠤᠯᠣᠨ ᠬᠤᠪᠢᠰᠬᠠᠯᠳᠦ ᠬᠦᠮᠦᠵᠢᠯ ᠤᠨ ᠢᠨᠵᠧᠨᠧᠷᠢᠩ ᠤᠨ ᠲᠦᠷᠦᠯ ᠵᠣᠶᠢᠯ᠂ ᠲᠣᠰᠬᠠᠢ ᠪᠡᠯᠡ ᠮᠦᠩᠭᠦ ᠵᠡᠷᠭᠡ ᠲᠠᠯ᠎ᠠ ᠪᠠᠷ ᠲᠡᠭᠡᠳᠦ ᠱᠠᠳᠣᠨ ᠤ ᠡᠳ᠋ ᠤᠨ | ᠬᠦᠴᠦᠨ ᠪᠠ ᠲᠦᠷᠦᠯ ᠵᠣᠶᠢᠯ ᠤᠨ ᠲᠡᠮᠵᠢᠯᠭᠡ ᠶᠢ ᠴᠢᠷᠮᠠᠶᠢᠨ ᠣᠯᠣᠨ᠎ᠠ᠃ ᠭᠤᠷᠪᠠ ᠳᠤ᠂ ᠦᠩᠭᠡᠷᠡᠭᠰᠡᠨ ᠵᠢᠯ ᠤᠳ ᠤᠨ ᠭᠠᠶᠢᠯᠢ ᠶᠢᠨ ᠦᠷᠢ᠂ ᠨᠠᠭᠦᠷᠡᠰᠣᠨ ᠡᠬᠢ | ᠰᠣᠷᠪᠣᠯᠵᠢ ᠶᠢᠨ ᠦᠨ᠎ᠡ ᠬᠠᠩᠰᠢ ᠶᠢᠨ ᠵᠣᠭᠤᠰ ᠢ ᠪᠦᠬᠦ ᠬᠦᠴᠣᠨ ᠢᠶᠠᠷ ᠲᠠᠳᠠᠪᠦᠷᠢᠯᠠᠵᠣ᠂ ᠭᠠᠵᠠᠷ ᠰᠢᠷᠣᠢ ᠰᠢᠯᠵᠢᠭᠦᠯᠬᠦ᠂ ᠨᠦᠭᠡᠴᠡ ᠬᠦᠷᠦᠩᠭᠡ ᠶᠢ ᠰᠢᠢᠳᠪᠦᠷᠢᠯᠡᠬᠦ᠂ | ᠲᠠᠮᠣᠷ ᠵᠠᠮ᠂ ᠵᠠᠰᠠᠮᠠᠯ ᠵᠠᠮ᠂ ᠨᠢᠰᠭᠡᠯ ᠤᠨ ᠪᠠᠭᠤᠳᠠᠯ ᠤᠨ ᠪᠠᠶᠢᠭᠤᠯᠣᠯᠳᠠ ᠵᠡᠷᠭᠡ ᠴᠢᠬᠤᠯᠠ ᠶᠡᠭᠡ ᠲᠦᠷᠦᠯ ᠵᠣᠶᠢᠯ ᠤᠨ ᠪᠡᠯᠡ ᠣᠷᠣᠭᠤᠯᠣᠯᠳᠠ ᠶᠢᠨ ᠶᠠᠪᠣᠴᠠ | ᠳᠠᠬᠢ ᠭᠠᠶᠢᠯᠢ ᠵᠠᠷᠣᠳᠠᠯ ᠢ ᠰᠠᠶᠢᠳᠦᠷ ᠠᠳᠬᠤᠵᠣ᠂ ᠶᠡᠭᠡ ᠪᠠᠭ᠎ᠠ ᠢᠯᠭᠠᠬᠤ ᠦᠭᠡᠢ᠂ ᠭᠠᠶᠢᠯᠢ ᠵᠠᠷᠣᠳᠠᠯ ᠬᠤᠪᠢᠶᠠᠬᠤ ᠦᠭᠡᠢ ᠠᠳᠬᠤᠵᠣ᠂ ᠣᠷᠣᠯᠭ᠎ᠠ ᠶᠢ ᠲᠤᠭ᠎ᠠ | ᠶᠣᠰᠣᠭᠠᠷ ᠲᠡᠩᠴᠡᠭᠦᠷᠢᠳᠡᠢ ᠪᠠᠷ ᠬᠦᠮᠦᠷᠭᠡᠯᠡᠬᠦ ᠶᠢ ᠪᠠᠳᠣᠯᠠᠨ᠎ᠠ᠃ | ︵ᠬᠤᠶᠠᠷ︶ ᠠᠷᠠᠳ ᠤᠨ ᠠᠮᠢᠳᠣᠷᠠᠯ ᠢ ᠪᠠᠳᠣᠯᠠᠵᠣ᠂ ᠡᠳ᠋ ᠤᠨ ᠵᠠᠰᠠᠭ ᠤᠨ ᠵᠠᠷᠣᠯᠭ᠎ᠠ ᠶᠢ ᠰᠢᠯᠢᠳᠡᠭᠵᠢᠭᠦᠯᠦᠨ᠎ᠡ᠃ ᠠᠵᠢᠯᠴᠢ ᠠᠷᠪᠢᠴᠢ ᠦᠵᠡᠯ ᠰᠠᠨᠠᠭ᠎ᠠ ᠶᠢ | ᠪᠠᠳᠦ ᠪᠠᠬᠢ ᠪᠣᠯᠭᠠᠵᠣ᠂ ᠲᠦᠰᠦᠪ ᠲᠣᠭᠳᠠᠭᠠᠬᠤ ᠠᠴᠠ ᠭᠠᠷᠳᠠᠵᠣ᠂ ︽ᠲᠦᠪ ᠤᠨ ᠨᠠᠢᠮᠠᠨ ᠲᠣᠭᠳᠠᠭᠠᠯ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ ︽ᠭᠤᠷᠪᠠ | ᠶᠢ ᠪᠠᠳᠣᠯᠠᠨ ᠬᠤᠶᠠᠷ ᠢ ᠪᠠᠭᠠᠰᠬᠠᠬᠤ︾ ᠵᠠᠷᠴᠢᠮ ᠢ ᠡᠷᠡᠰ ᠬᠡᠷᠡᠭᠵᠢᠭᠦᠯᠵᠣ᠂ ︽ᠭᠤᠷᠪᠠᠨ ᠠᠯᠪᠠᠨ︾ ᠵᠠᠷᠣᠳᠠᠯ ᠵᠡᠷᠬᠡ ᠡᠩ ᠤᠨ ᠵᠠᠷᠣᠯᠭ᠎ᠠ ᠶᠢ ᠴᠢᠩᠭ᠎ᠠ | ᠬᠢᠵᠠᠭᠠᠷᠯᠠᠵᠣ᠂ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠠᠵᠢᠯᠯᠠᠮᠵᠢ ᠶᠢᠨ ᠦᠪᠡᠷ ᠤᠨ ᠦᠷᠳᠡᠭ ᠢ ᠪᠠᠭᠤᠷᠠᠭᠤᠯᠵᠣ᠂ ᠠᠷᠪᠢᠯᠠᠭᠰᠠᠨ | ᠡᠳ᠋ ᠤᠨ ᠵᠠᠰᠠᠭ ᠤᠨ ᠪᠡᠯᠡ ᠮᠦᠩᠭᠦ ᠪᠠᠨ ᠴᠦᠮ ᠠᠷᠠᠳ ᠤᠨ ᠠᠮᠢᠳᠣᠷᠠᠯ ᠤᠨ ᠪᠠᠳᠣᠯᠠᠭ᠎ᠠ ᠬᠢᠬᠡᠳ ᠨᠡᠶᠢᠭᠡᠮ ᠨᠡᠶᠢᠳᠡ ᠶᠢᠨ ᠣᠶᠢᠯᠠᠴᠢᠯᠡᠭᠡ ᠳᠤ ᠵᠠᠷᠣᠴᠠᠭᠤᠯᠣᠨ᠎ᠠ᠃ | ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠵᠣ᠂ ᠠᠷᠠᠳ ᠤᠨ ᠠᠮᠢᠳᠣᠷᠠᠯ ᠢ ᠲᠡᠷᠢᠭᠦᠨ ᠳᠤ ᠲᠠᠯᠪᠢᠵᠣ᠂ ᠰᠣᠷᠭᠠᠨ ᠬᠦᠮᠦᠵᠢᠯ᠂ ᠰᠣᠶᠣᠯ᠂ ᠡᠮ ᠡᠮᠨᠡᠯᠭᠡ | ᠡᠷᠡᠬᠦᠯ ᠬᠠᠮᠠᠭᠠᠯᠠᠯ᠂ ᠨᠡᠶᠢᠭᠡᠮ ᠤᠨ ᠪᠠᠳᠣᠯᠠᠭ᠎ᠠ᠂ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠳᠤ ᠪᠡᠯᠡᠭ ᠪᠣᠯᠭᠠᠬᠤ ᠲᠦᠷᠦᠯ ᠵᠣᠶᠢᠯ᠂ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠣᠭᠳᠠᠭᠠᠭᠰᠠᠨ ᠠᠷᠠᠳ ᠢ ᠬᠠᠷᠠᠭᠠᠯᠵᠠᠬᠤ ᠪᠣᠳᠠᠳᠦ ᠣᠴᠢᠷ ᠪᠣᠯᠣᠨ ᠠᠷᠠᠳ ᠤᠨ ᠠᠮᠢᠳᠣᠷᠠᠯ ᠤᠨ | ᠬᠦᠷᠢᠶ᠎ᠡ ᠴᠠᠷᠠᠭ᠎ᠠ ᠳᠠᠬᠢ ᠲᠣᠰᠬᠠᠢ ᠲᠦᠷᠦᠯ ᠤᠨ ᠪᠡᠯᠡ ᠮᠦᠩᠭᠦ ᠣᠯᠭᠤᠯᠳᠠ ᠵᠡᠷᠭᠡ ᠵᠠᠷᠣᠯᠭ᠎ᠠ ᠶᠢᠨ ᠱᠠᠭᠠᠷᠳᠠᠯᠭ᠎ᠠ ᠶᠢ ᠡᠷᠴᠢᠮᠳᠡᠢ ᠪᠠᠳᠣᠯᠠᠨ᠎ᠠ᠃ ᠠᠷᠠᠳ ᠤᠨ | ᠠᠮᠢᠳᠣᠷᠠᠯ ᠤᠨ ᠪᠡᠯᠡ ᠮᠦᠩᠭᠦᠨ ᠤ ᠵᠠᠷᠣᠯᠭ᠎ᠠ ᠶᠢᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ ᠳᠠᠬᠢ ᠬᠠᠷᠢᠴᠠᠯ ᠢ 70% ᠠᠴᠠ ᠲᠠᠪᠠᠭᠤᠯᠣᠨ᠂ | ᠠᠷᠠᠳ ᠤᠨ ᠠᠮᠢᠳᠣᠷᠠᠯ ᠢ ᠦᠨᠡᠨ ᠬᠦ ᠪᠠᠳᠣᠯᠠᠨ ᠰᠠᠶᠢᠵᠢᠷᠠᠭᠤᠯᠵᠣ᠂ ᠠᠷᠠᠳ ᠤᠨ ᠠᠮᠢᠳᠣᠷᠠᠯ ᠤᠨ ᠲᠣᠳᠠᠭᠤᠳᠠᠯ ᠢ ᠨᠦᠬᠦᠪᠦᠷᠢᠯᠡᠨ᠎ᠡ᠃ | ︵ᠭᠤᠷᠪᠠ︶ ᠲᠣᠭᠳᠠᠴᠠ ᠶᠢ ᠰᠢᠨᠡᠴᠢᠯᠠᠨ᠂ ᠬᠦᠭᠵᠢᠯᠳᠡ ᠶᠢᠨ ᠴᠢᠳᠠᠮᠵᠢ ᠶᠢ ᠲᠡᠭᠡᠭᠰᠢᠯᠡᠭᠦᠯᠦᠨ᠎ᠡ ᠃ ᠨᠢᠭᠡ ᠳᠤ᠂ ︽ᠣᠳᠤᠭ ᠤᠨ ᠡᠮᠦᠨᠡᠳᠦ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠣᠶᠢᠯᠡᠴᠢᠯᠡᠭᠡ ᠬᠤᠳᠠᠯᠳᠣᠨ ᠠᠪᠬᠤ ᠬᠡᠷᠡᠭᠵᠢᠭᠦᠯᠬᠦ ᠲᠦᠰᠦᠪ︾ ᠶᠣᠰᠣᠭᠠᠷ ᠢᠳᠡᠪᠬᠢᠳᠡᠢ ᠪᠠᠷ | ᠨᠡᠶᠢᠭᠡᠮ ᠤᠨ ᠬᠦᠴᠦᠨ ᠠᠴᠠ ᠠᠳᠠᠯ ᠠᠬᠤᠢ ᠶᠢᠨ ᠬᠠᠮᠢᠶᠠᠷᠣᠯᠳᠠ᠂ ᠬᠤᠳᠠ ᠶᠢᠨ ᠨᠡᠶᠢᠳᠡ ᠶᠢᠨ ᠮᠠᠰᠢᠨ᠂ ᠪᠣᠬᠢᠷ ᠣᠰᠣ ᠰᠢᠢᠳᠪᠦᠷᠢᠯᠡᠬᠦ᠂ ᠪᠠᠳᠣᠯᠠᠭ᠎ᠠ ᠶᠢᠨ ᠣᠷᠣᠨ | ᠰᠠᠭᠤᠴᠠ ᠵᠡᠷᠭᠡ ᠣᠶᠢᠯᠡᠴᠢᠯᠡᠭᠡ ᠬᠤᠳᠠᠯᠳᠣᠨ ᠠᠪᠴᠦ᠂ ᠡᠳ᠋ ᠤᠨ ᠵᠠᠰᠠᠭ ᠤᠨ ᠵᠠᠷᠣᠯᠭ᠎ᠠ ᠶᠢᠨ ᠲᠠᠷᠣᠭᠠᠰᠦ ᠶᠢ ᠬᠦᠩᠭᠡᠷᠡᠭᠦᠯᠬᠦ ᠶᠢᠨ ᠬᠠᠮᠳᠦ ᠵᠠᠰᠠᠭ ᠤᠨ ᠣᠷᠳᠣᠨ | ᠠᠴᠠ ᠪᠡᠯᠡ ᠣᠷᠣᠭᠤᠯᠣᠭᠰᠠᠨ ᠲᠦᠷᠦᠯ ᠵᠣᠶᠢᠯ ᠤᠨ ᠪᠠᠶᠢᠭᠤᠯᠣᠯᠳᠠ ᠶᠢ ᠦᠨᠳᠦᠷ ᠪᠦᠳᠦᠮᠵᠢᠳᠡᠢ ᠠᠬᠢᠭᠤᠯᠣᠨ᠎ᠠ᠃ ᠬᠤᠶᠠᠷ ᠲᠤ᠂ PPP ᠵᠠᠭᠪᠣᠷ ᠢ | ᠲᠡᠯᠭᠡᠷᠡᠭᠦᠯᠦᠨ ᠠᠷᠠᠳ ᠤᠨ ᠪᠡᠯᠡ ᠶᠢ ᠵᠢᠯᠣᠭᠤᠳᠣᠨ ᠵᠠᠰᠠᠭ ᠤᠨ ᠣᠷᠳᠣᠨ ᠤ ᠲᠦᠷᠦᠯ ᠵᠣᠶᠢᠯ ᠤᠨ ᠪᠠᠶᠢᠭᠤᠯᠣᠯᠳᠠ ᠳᠤ ᠢᠳᠡᠪᠬᠢᠳᠡᠢ ᠣᠷᠣᠯᠴᠠᠭᠤᠯᠵᠣ᠂ ᠵᠠᠰᠠᠭ ᠤᠨ | ᠣᠷᠳᠣᠨ ᠤ ᠪᠡᠯᠡ ᠣᠷᠣᠭᠤᠯᠣᠯᠳᠠ ᠬᠢᠭᠡᠳ ᠠᠷᠠᠳ ᠤᠨ ᠪᠡᠯᠡ ᠶᠢᠨ ᠪᠦᠳᠦᠮᠵᠢᠳᠡᠢ ᠠᠭᠤᠰᠣᠯᠴᠠᠯ ᠢ ᠪᠡᠶᠡᠯᠡᠭᠦᠯᠦᠨ᠎ᠡ᠃ ᠣᠣᠯ ᠤᠨ ᠦᠪᠡᠷᠳᠡᠭᠡᠨ ᠵᠠᠰᠠᠬᠤ ᠣᠷᠣᠨ | ᠪᠣᠯᠣᠨ ᠬᠤᠳᠠ ᠶᠢᠨ ᠲᠡᠰ ᠤᠨ PPP ᠲᠠᠭᠤᠷᠢᠶᠠᠯ ᠲᠦᠷᠦᠯ ᠵᠣᠶᠢᠯ ᠢ ᠬᠡᠷᠡᠭᠵᠢᠭᠦᠯᠦᠭᠰᠡᠨ ᠰᠠᠭᠤᠷᠢᠨ ᠲᠡᠭᠡᠷ᠎ᠡ᠂ ᠮᠠᠨ ᠤ ᠬᠤᠰᠢᠭᠤᠨ ᠤ ᠭᠤᠣᠯᠳᠠᠯᠭᠠᠳᠠᠢ | ᠲᠦᠷᠦᠯ ᠵᠣᠶᠢᠯ ᠢ ᠢᠳᠡᠪᠬᠢᠳᠡᠢ ᠵᠢᠯᠣᠭᠤᠳᠣᠨ PPP ᠵᠠᠭᠪᠣᠷ ᠢᠶᠠᠷ ᠬᠡᠷᠡᠭᠵᠢᠭᠦᠯᠵᠣ᠂ ᠠᠷᠠᠯᠵᠢᠶᠠᠴᠢᠨ ᠣᠷᠢᠵᠣ ᠪᠡᠯᠡ ᠲᠠᠳᠠᠬᠤ ᠡᠷᠴᠢᠮ ᠪᠠ ᠲᠦᠷᠦ ᠶᠢᠨ | ᠪᠣᠳᠣᠯᠭ᠎ᠠ ᠶᠢᠨ ᠲᠡᠮᠵᠢᠯᠭᠡ ᠶᠢᠨ ᠠᠷᠭ᠎ᠠ ᠠᠪᠴᠠᠯ ᠢ ᠴᠢᠩᠭᠠᠷᠠᠭᠤᠯᠬᠤ ᠪᠠᠷ ᠲᠠᠮᠵᠢᠭᠤᠯᠣᠨ᠂ PPP ᠲᠦᠷᠦᠯ ᠵᠣᠶᠢᠯ ᠤᠨ ᠣᠷᠣᠨᠵᠢᠯᠳᠠ ᠶᠢ ᠲᠦᠷᠭᠡᠳᠬᠡᠨ᠎ᠡ᠃ | ᠭᠤᠷᠪᠠ ᠳᠤ᠂ ᠲᠡᠭᠡᠳᠦ ᠱᠠᠳᠣᠨ ᠤ ᠲᠦᠷᠦ ᠶᠢᠨ ᠪᠣᠳᠣᠯᠭ᠎ᠠ ᠲᠠᠢ ᠪᠦᠳᠦᠮᠵᠢᠳᠡᠢ ᠠᠪᠴᠠᠯᠳᠣᠭᠤᠯᠣᠨ᠂ ᠰᠢᠨᠵᠢᠯᠡᠬᠦ ᠣᠬᠠᠭᠠᠨᠴᠢ ᠵᠦᠢ ᠵᠣᠬᠢᠰᠳᠠᠢ ᠪᠠᠷ ᠠᠵᠣ | ᠣᠶᠢᠯᠠᠰ ᠤᠨ ᠰᠠᠭᠤᠷᠢ ᠮᠦᠩᠭᠦ᠂ ᠵᠠᠬ᠎ᠠ ᠲᠡᠯᠭᠡᠭᠦᠷᠴᠢᠯᠡᠭᠰᠡᠨ ᠰᠠᠭᠤᠷᠢ ᠮᠦᠩᠭᠦ ᠵᠡᠷᠭᠡ ᠪᠡᠯᠡ ᠮᠦᠩᠭᠦ ᠶᠢᠨ ᠡᠷᠬᠢᠯᠳᠡ ᠶᠢᠨ ᠲᠠᠪᠴᠠᠩ ᠪᠠᠶᠢᠭᠤᠯᠵᠣ᠂ ᠪᠦᠬᠦ | ᠬᠤᠰᠢᠭᠤᠨ ᠤ ᠠᠵᠣ ᠣᠶᠢᠯᠠᠰ ᠤᠨ ᠲᠣᠬᠢᠷᠠᠭᠤᠯᠣᠯᠳᠠ ᠪᠣᠯᠣᠨ ᠰᠢᠨ᠎ᠡ ᠶᠢ ᠡᠭᠦᠳᠦᠨ ᠣᠶᠢᠯᠠᠰ ᠪᠣᠰᠬᠠᠬᠤ ᠳᠤ ᠪᠡᠯᠡ ᠮᠦᠩᠭᠦᠨ ᠤ ᠬᠦᠴᠦᠳᠦ ᠲᠡᠮᠵᠢᠯᠭᠡ ᠬᠠᠩᠭᠠᠨ᠎ᠠ | ᠃ ᠲᠦᠷᠪᠡ ᠳᠤ᠂ ᠦᠪᠦᠷ ᠮᠣᠩᠭᠤᠯ ᠤᠨ ᠼᠠᠢ ᠰᠢᠨ ᠪᠠᠳᠣᠯᠠᠨ ᠲᠠᠭᠠᠭᠠᠯᠳᠠ ᠶᠢᠨ ᠺᠣᠮᠫᠠᠨᠢ ᠯᠤᠭ᠎ᠠ ᠶᠢᠨ ᠬᠠᠮᠳᠣᠷᠠᠯᠴᠠᠭ᠎ᠠ ᠪᠠᠨ ᠴᠢᠩᠭᠠᠳᠬᠠᠵᠣ᠂ ᠮᠠᠨ ᠤ | ᠬᠤᠰᠢᠭᠤᠨ ᠤ ᠲᠣᠯᠣᠭᠠᠶᠢᠯᠠᠭᠴᠢ ᠠᠵᠣ ᠠᠬᠤᠶᠢᠯᠠᠯ᠂ ᠬᠠᠮᠳᠣᠷᠠᠯ ᠵᠣᠬᠢᠶᠠᠨ ᠪᠠᠶᠢᠭᠤᠯᠣᠯᠳᠠ᠂ ᠮᠠᠯ ᠲᠠᠷᠢᠶᠠᠯᠠᠩ ᠤᠨ ᠲᠠᠭᠤᠷᠢᠶᠠᠯ ᠡᠷᠦᠬᠡ᠂ ᠮᠠᠯᠴᠢᠨ ᠲᠠᠷᠢᠶᠠᠴᠢᠳ | ᠤᠨ ᠣᠶᠢᠯᠠᠳᠪᠦᠷᠢᠯᠠᠯ ᠢᠶᠠᠨ ᠬᠦᠭᠵᠢᠬᠦᠯᠬᠦ ᠵᠢᠭᠡᠯᠡᠯᠭᠡ ᠳᠤ ᠪᠠᠳᠣᠯᠠᠨ ᠲᠠᠭᠠᠭᠠᠯᠳᠡ ᠬᠠᠩᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠪᠠᠷ ᠴᠢᠷᠮᠠᠶᠢᠨ᠎ᠠ︔ ᠨᠡᠩ | ᠣᠯᠠᠨ ᠪᠠᠩᠬᠢ ᠶᠢ ᠣᠷᠣᠭᠤᠯᠣᠨ ᠠᠪᠴᠢᠷᠠᠵᠤ᠂ ᠮᠦᠩᠭᠦᠨ ᠭᠦᠢᠯᠭᠡᠭᠡ ᠶᠢᠨ ᠪᠠᠶᠢᠭᠤᠯᠣᠮᠵᠢ ᠯᠤᠭ᠎ᠠ ᠶᠢᠨ ᠬᠠᠮᠳᠣᠷᠠᠯᠴᠠᠭ᠎ᠠ ᠪᠠᠨ ᠦᠷᠭᠡᠳᠬᠡᠵᠣ᠂ ᠬᠦᠳᠡᠭᠡ ᠲᠣᠰᠬᠤᠨ | ᠤ ᠮᠦᠩᠭᠦᠨ ᠭᠦᠢᠯᠭᠡᠭᠡᠨ ᠤ ᠣᠶᠢᠯᠡᠴᠢᠯᠡᠭᠡᠨ ᠤ ᠬᠦᠷᠢᠶ᠎ᠡ ᠴᠠᠷᠠᠭ᠎ᠠ ᠪᠠᠨ ᠦᠷᠭᠡᠳᠭᠡᠨ᠂ ᠮᠦᠩᠭᠦᠨ ᠭᠦᠢᠯᠭᠡᠭᠡᠨ ᠤ ᠠᠵᠢᠯ ᠲᠦᠷᠦᠯ ᠤᠨ ᠮᠠᠯᠵᠢᠬᠤ ᠲᠠᠷᠢᠶᠠᠯᠠᠬᠤ | ᠣᠷᠣᠨ ᠤ ᠠᠵᠣ ᠣᠶᠢᠯᠠᠰ ᠤᠨ ᠬᠦᠭᠵᠢᠯᠳᠡ ᠪᠣᠯᠣᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢ ᠲᠡᠮᠵᠢᠬᠦ ᠬᠦᠷᠢᠶ᠎ᠡ ᠬᠡᠪᠴᠢᠶ᠎ᠡ | ᠶᠢ ᠦᠷᠭᠡᠳᠬᠡᠨ᠎ᠡ᠃ | ︵ᠲᠦᠷᠪᠠ︶ ᠦᠭᠡᠷᠡᠴᠢᠯᠡᠯᠳᠠ ᠶᠢ ᠭᠦᠨᠵᠡᠭᠡᠶᠢᠷᠡᠬᠦᠯᠵᠣ᠂ ᠲᠣᠭᠳᠠᠴᠠ ᠶᠢ ᠲᠡᠭᠦᠯᠳᠡᠷᠵᠢᠭᠦᠯᠦᠨ᠎ᠡ᠃ ᠨᠢᠭᠡ ᠳᠤ᠂ ᠲᠦᠰᠦᠪ ᠤᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠴᠢᠨᠠᠷ ᠲᠠᠢ ᠰᠠᠭᠤᠷᠢ ᠮᠦᠩᠭᠦᠨ ᠤ ᠲᠦᠰᠦᠪ ᠬᠢᠭᠡᠳ ᠨᠡᠶᠢᠳᠡ ᠶᠢᠨ ᠡᠩ ᠤᠨ ᠲᠦᠰᠦᠪ ᠢ ᠨᠢᠭᠡᠳᠦᠯᠳᠡᠢ | ᠲᠦᠯᠦᠪᠵᠢᠭᠦᠯᠬᠦ ᠡᠷᠴᠢᠮ ᠢᠶᠠᠨ ᠴᠢᠩᠭᠠᠳᠬᠠᠵᠣ᠂ ᠣᠷᠣᠯᠭ᠎ᠠ ᠵᠠᠷᠣᠯᠭ᠎ᠠ ᠶᠢ ᠴᠦᠮ ᠲᠦᠰᠤᠪ ᠤᠨ ᠬᠠᠮᠢᠶᠠᠷᠤᠯᠳᠠ ᠳᠤ ᠤᠷᠤᠭᠤᠯᠵᠤ᠂ ᠲᠦᠰᠤᠪ ᠢ ᠨᠢᠬᠡᠳᠤᠯᠳᠠᠢ | ᠳᠤᠭᠳᠠᠭᠠᠨ᠂ ᠤᠷᠤᠯᠭ᠎ᠠ ᠶᠢ ᠴᠢᠩᠭ᠎ᠠ ᠠᠤᠨᠬᠤᠵᠤ᠂ ᠵᠠᠷᠤᠯᠭ᠎ᠠ ᠶᠢ ᠪᠠᠳᠤ ᠡᠵᠡᠮᠳᠠᠨ᠂ ᠨᠢᠬᠡᠳᠤᠯᠳᠠᠢ ᠵᠤᠬᠢᠴᠠᠩᠭᠤᠢ᠂ ᠬᠠᠷᠢᠯᠴᠠᠨ ᠨᠦᠬᠦᠪᠤᠷᠢᠯᠡᠭᠰᠡᠨ ᠪᠦᠷᠢᠨ | ᠪᠦᠳᠤᠨ ᠲᠦᠰᠤᠪ ᠤᠨ ᠰᠢᠰᠲ᠋ᠧᠮ ᠢ ᠪᠦᠷᠢᠯᠳᠤᠬᠦᠯᠤᠨ᠎ᠠ᠃ ᠬᠤᠶᠠᠷ ᠲᠤ᠂ ᠳᠤᠭᠳᠠᠴᠠ ᠶᠢᠨ ᠰᠤᠳᠤᠯᠤᠯᠳᠠ ᠶᠢ ᠴᠢᠩᠭᠠᠤᠨᠬᠠᠨ᠎ᠠ᠃ ᠡᠵᠡᠩᠨᠡᠯᠳᠠ ᠶᠢᠨ ᠭᠠᠶᠢᠯᠢ ᠶᠢ | ᠨᠡᠮᠡᠭᠳᠡᠯ ᠤᠨ ᠭᠠᠶᠢᠯᠢ ᠪᠤᠯᠭᠠᠨ ᠦᠬᠡᠷᠡᠴᠢᠯᠡᠬᠦ ᠰᠢᠯᠵᠢᠯᠳᠠ ᠶᠢᠨ ᠬᠤᠭᠤᠴᠠᠭ᠎ᠠ ᠳᠠᠭᠤᠰᠤᠭᠰᠡᠨ ᠤ ᠳᠠᠷᠠᠭ᠎ᠠ᠂ ᠲᠦᠪ ᠠᠴᠠ ᠠᠵᠢᠯ ᠤᠨ ᠡᠷᠬᠡ ᠪᠠ ᠡᠳ᠋ ᠤᠨ ᠡᠷᠬᠡ | ᠶᠢ ᠳᠠᠬᠢᠨ ᠬᠤᠪᠢᠶᠠᠷᠢᠯᠠᠬᠤ ᠪᠤᠯᠬᠤᠷ ᠪᠢᠳᠠ ᠰᠠᠨᠠᠭᠠᠴᠢᠯᠠᠭ᠎ᠠ ᠲᠠᠢ ᠪᠠᠷ ᠳᠡᠬᠡᠳᠤ ᠱᠠᠳᠤᠨ ᠤ ᠰᠠᠯᠠᠭ᠎ᠠ ᠮᠦᠴᠢᠷ ᠲᠠᠢ ᠬᠠᠷᠢᠯᠴᠠᠵᠤ᠂ ᠪᠤᠳᠠᠳᠤ ᠬᠦᠴᠢᠷᠳᠠᠯ ᠬᠢᠬᠡᠤᠨ | ᠠᠰᠠᠭᠤᠳᠠᠯ ᠢᠶᠠᠨ ᠳᠤᠰᠬᠠᠵᠤ᠂ ᠨᠠᠩ ᠠᠷᠪᠢᠨ ᠡᠳ᠋ ᠤᠨ ᠬᠦᠴᠤᠨ ᠤ ᠨᠦᠬᠦᠪᠤᠷᠢ ᠤᠯᠬᠤ ᠪᠠᠷ ᠴᠢᠷᠮᠠᠶᠢᠨ᠎ᠠ᠃ ᠭᠤᠷᠪᠠ ᠳᠤ᠂ ᠪᠦᠳᠤᠮᠵᠢ ᠶᠢᠨ ᠬᠠᠮᠢᠶᠠᠷᠤᠯᠳᠠ ᠶᠢ | ᠬᠦᠨᠵᠡᠬᠡᠶᠢᠷᠡᠬᠦᠯᠤᠨ᠎ᠠ᠃ ᠮᠠᠨ ᠤ ᠬᠤᠰᠢᠭᠤᠨ ᠤ ᠡᠳ᠋ ᠤᠨ ᠵᠠᠰᠠᠭ ᠤᠨ ᠪᠦᠳᠤᠮᠵᠢ ᠶᠢ ᠦᠨᠡᠯᠡᠬᠦ ᠠᠵᠢᠯ ᠤᠨ ᠪᠦᠷᠬᠦᠴᠠ ᠶᠢ ᠤᠯᠠᠮ ᠳᠡᠬᠡᠭᠰᠢᠯᠡᠬᠦᠯᠵᠤ᠂ ᠬᠦᠨᠴᠠ | ᠲᠠᠢ ᠠᠭᠤᠳᠠᠯᠠᠨ ᠠᠭᠤᠯᠬᠤᠨ ᠢ ᠨᠡᠮᠡᠭᠳᠡᠬᠦᠯᠵᠤ᠂ ᠪᠦᠳᠤᠮᠵᠢ ᠶᠢᠨ ᠦᠨᠡᠯᠡᠯᠳᠠ ᠶᠢᠨ ᠦᠷ᠎ᠠ ᠳ᠋ᠦᠩ ᠬᠢᠬᠡᠤᠨ ᠲᠦᠰᠤᠪ ᠤᠨ ᠬᠠᠮᠢᠶᠠᠷᠤᠯᠳᠠ ᠶᠢ ᠪᠦᠳᠤᠮᠵᠢᠳᠠᠢ | ᠤᠶᠠᠯᠳᠤᠭᠤᠯᠬᠤ ᠳᠠᠭᠠᠭᠠᠮᠠᠭᠠᠢ ᠬᠠᠮᠢᠶᠠᠷᠤᠯᠳᠠ ᠶᠢᠨ ᠳᠤᠭᠳᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠲᠠᠪᠤ︶ ᠬᠢᠨᠠᠯᠳᠠ ᠶᠢ ᠴᠢᠩᠭᠠᠳᠬᠠᠵᠣ᠂ ᠪᠡᠯᠡ ᠮᠦᠩᠭᠦᠨ ᠤ ᠠᠮᠦᠷ ᠲᠦᠪᠰᠢᠨ ᠢ ᠪᠠᠳᠣᠯᠠᠨ᠎ᠠ᠃ ᠨᠢᠭᠡ ᠳᠤ᠂ ᠥᠷᠢ ᠥᠭᠴᠡᠭᠡ ᠶᠢ ᠬᠢᠵᠠᠭᠠᠷᠯᠠᠬᠤ | ᠬᠠᠮᠢᠶᠠᠷᠤᠯᠳᠠ ᠶᠢᠨ ᠲᠥᠷᠢᠮ ᠢ ᠴᠢᠩᠭ᠎ᠠ ᠭᠡᠷᠡᠭᠵᠢᠭᠦᠯᠵᠥ᠂ ᠤᠯᠠᠨ ᠵᠠᠮ ᠮᠥᠷ ᠤᠯᠠᠨ ᠠᠷᠭ᠎ᠠ ᠠᠪᠴᠠᠯ ᠢᠶᠠᠷ ᠥᠷᠢ ᠥᠭᠴᠡᠭᠡ ᠬᠤᠯᠠᠬᠤ ᠪᠡᠯᠡ ᠮᠥᠩᠭᠦ | ᠴᠤᠭᠯᠠᠭᠤᠯᠵᠤ᠂ ᠨᠥᠭᠡᠴᠡ ᠬᠥᠷᠥᠩᠭᠡ᠂ ᠡᠳ᠋ ᠤᠨ ᠵᠠᠰᠠᠭ ᠤᠨ ᠲᠥᠰᠥᠪ ᠤᠨ ᠪᠠᠶᠢᠷᠢᠯᠠᠭᠤᠯᠤᠯᠳᠠ᠂ ᠭᠠᠵᠠᠷ ᠤᠷᠤᠨ ᠤ ᠵᠠᠰᠠᠭ ᠤᠨ ᠤᠷᠳᠤᠨ ᠤ ᠵᠢᠬᠡᠯᠡᠯᠬᠡ ᠶᠢᠨ | ᠲᠡᠮᠳᠡᠭ ᠢ ᠢᠳᠡᠪᠬᠢᠳᠡᠢ ᠤᠯᠬᠤ ᠵᠡᠷᠭᠡ ᠠᠷᠭ᠎ᠠ ᠠᠪᠴᠠᠯ ᠢ ᠠᠮᠢᠳᠤᠯᠢᠭᠵᠢᠭᠤᠯᠬᠤ ᠪᠠᠷ ᠳᠠᠮᠵᠢᠭᠤᠯᠤᠨ ᠵᠠᠰᠠᠭ ᠤᠨ ᠤᠷᠳᠤᠨ ᠤ ᠥᠷᠢ ᠥᠭᠴᠡᠭᠡ ᠶᠢ ᠶᠡᠭᠡ ᠪᠠᠷ | ᠰᠢᠢᠳᠪᠥᠷᠢᠯᠡᠨ᠎ᠡ᠃ ᠡᠭᠦᠨ ᠤ ᠬᠠᠮᠳᠤ ᠲᠥᠭᠰᠢᠭᠦᠷᠢ ᠰᠡᠷᠭᠡᠶᠢᠯᠡᠯᠳᠡ ᠶᠢ ᠴᠢᠩᠭᠠᠳᠬᠠᠵᠤ᠂ ︽ᠬᠡᠨ ᠥᠷᠢ ᠬᠢᠪᠡᠯ ᠭᠡᠨ ᠬᠤᠯᠠᠬᠤ︾ ᠵᠠᠷᠴᠢᠮ ᠢ ᠪᠠᠷᠢᠮᠳᠠᠯᠠᠨ᠂ ᠵᠠᠰᠠᠭ | ᠤᠨ ᠤᠷᠳᠤᠨ ᠪᠤᠯᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠪᠦᠬᠦ ᠳᠠᠯ᠎ᠠ ᠪᠠᠷ ᠲᠤᠳᠤᠷᠬᠠᠶᠢᠯᠠᠨ᠂ ᠠᠵᠤ ᠠᠬᠤᠶᠢᠯᠠᠯ ᠥᠷᠢ ᠥᠭᠴᠡᠭᠡ ᠪᠠᠨ ᠵᠠᠰᠠᠭ ᠤᠨ | ᠤᠷᠳᠤᠨ ᠳᠤ ᠲᠦᠯᠬᠢᠬᠦ ᠶᠢ ᠰᠡᠷᠭᠡᠶᠢᠯᠡᠵᠥ᠂ ᠮᠥᠩᠭᠦᠨ ᠭᠥᠢᠯᠭᠡᠭᠡᠨ ᠤ ᠲᠥᠭᠰᠢᠭᠦᠷᠢ ᠡᠳ᠋ ᠤᠨ ᠵᠠᠰᠠᠭ ᠤᠨ ᠲᠥᠭᠰᠢᠭᠦᠷᠢ ᠪᠤᠯᠤᠨ ᠬᠤᠪᠢᠷᠠᠬᠤ ᠮᠥᠷᠳᠡᠭᠡᠨ ᠡᠳ᠋ ᠤᠨ | ᠵᠠᠰᠠᠭ ᠠᠴᠠ ᠪᠥᠭᠦᠨ ᠢ ᠬᠠᠷᠢᠭᠤᠴᠠᠬᠤ ᠶᠢ ᠰᠡᠷᠭᠡᠶᠢᠯᠡᠨ᠎ᠡ᠃ ᠬᠤᠶᠠᠷ ᠲᠤ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠠᠯ ᠲᠠᠷᠢᠶᠠᠯᠠᠩ ᠤᠨ ᠲᠦᠷᠦᠯ ᠵᠣᠶᠢᠯ᠂ | ᠰᠠᠭᠤᠷᠢ ᠲᠦᠬᠦᠭᠡᠷᠦᠮᠵᠢ᠂ ᠡᠮ ᠡᠮᠨᠡᠯᠭᠡ ᠡᠷᠡᠬᠦᠯ ᠬᠠᠮᠠᠭᠠᠯᠠᠯ᠂ ᠰᠣᠶᠣᠯ ᠰᠣᠷᠭᠠᠨ ᠬᠦᠮᠦᠵᠢᠯ᠂ ᠨᠡᠶᠢᠭᠡᠮ ᠤᠨ ᠣᠶᠢᠯᠠᠰ ᠤᠨ ᠪᠡᠯᠡ ᠮᠦᠩᠭᠦ ᠶᠢᠨ ᠬᠢᠨᠠᠯᠳᠠ ᠶᠢ | ᠴᠢᠩᠭᠠᠳᠬᠠᠵᠣ᠂ ᠪᠡᠯᠡ ᠮᠦᠩᠭᠦᠨ ᠤ ᠠᠮᠦᠷ ᠲᠦᠪᠰᠢᠨ ᠲᠦᠷᠢᠮᠵᠢᠭᠰᠡᠨ ᠡᠷᠬᠢᠯᠳᠠ ᠶᠢ ᠪᠠᠳᠣᠯᠠᠨ᠎ᠠ᠃ ᠭᠤᠷᠪᠠ ᠳᠤ᠂ ᠨᠢᠭᠳᠠᠯᠠᠨ ᠪᠣᠳᠣᠬᠤ ᠬᠢᠨᠠᠯᠳᠠ ᠪᠠᠶᠢᠴᠠᠭᠠᠯᠳᠠ | ᠶᠢ ᠴᠢᠩᠭᠠᠳᠬᠠᠵᠣ᠂ ᠭᠤᠣᠯᠳᠠᠯᠭᠠᠳᠦ ᠣᠷᠣᠨ ᠬᠡᠪᠴᠢᠶ᠎ᠡ᠂ ᠭᠤᠣᠯᠳᠠᠯᠭᠠᠳᠦ ᠠᠵᠢᠯ ᠲᠦᠷᠦᠯ ᠤᠨ ᠨᠢᠭᠳᠠᠯᠠᠨ ᠪᠣᠳᠣᠯᠳᠠ ᠶᠢᠨ ᠬᠢᠨᠠᠯᠳᠠ ᠶᠢ ᠰᠠᠶᠢᠳᠦᠷ ᠬᠢᠵᠣ᠂ | ᠨᠢᠭᠳᠠᠯᠠᠨ ᠪᠣᠳᠣᠯᠳᠠ ᠶᠢᠨ ᠮᠡᠳᠡᠭᠡ ᠵᠡᠩᠭᠢ ᠶᠢᠨ ᠴᠢᠨᠠᠷᠵᠢᠯ ᠢ ᠣᠯᠠᠮ ᠲᠡᠭᠡᠭᠰᠢᠯᠡᠭᠦᠯᠦᠨ᠎ᠠ᠃ ᠲᠥᠷᠪᠡ ᠳᠤ᠂ ᠡᠳ᠋ ᠤᠨ ᠵᠠᠰᠠᠭ ᠤᠨ ᠲᠥᠰᠥᠪ ᠤᠨ ᠭᠥᠢᠴᠡᠳᠭᠡᠯᠳᠡ᠂ | ᠰᠠᠯᠠᠭ᠎ᠠ ᠮᠥᠴᠢᠷ ᠤᠨ ᠲᠥᠰᠥᠪ ᠤᠨ ᠭᠥᠢᠴᠡᠳᠭᠡᠯᠳᠡ ᠪᠠ ︽ᠭᠤᠷᠪᠠᠨ ᠠᠯᠪᠠᠨ ᠵᠠᠷᠤᠳᠠᠯ︾ ᠤᠨ ᠲᠦᠰᠤᠪ ᠤᠨ ᠬᠦᠢᠴᠡᠤᠨᠬᠡᠯᠳᠠ ᠶᠢ ᠴᠠᠭ ᠲᠤᠬᠠᠢ ᠳᠤ ᠨᠢ | ᠨᠡᠶᠢᠭᠡᠮ ᠳᠤ ᠵᠠᠷᠯᠠᠵᠤ᠂ ᠠᠷᠠᠳ ᠲᠥᠮᠡᠨ ᠤ ᠬᠢᠨᠠᠯᠳᠠ ᠶᠢ ᠤᠬᠠᠮᠰᠠᠷ ᠠᠴᠠ ᠪᠠᠨ ᠭᠥᠯᠢᠶᠡᠵᠥ᠂ ᠨᠡᠶᠢᠳᠡ ᠶᠢᠨ ᠡᠳ᠋ ᠤᠨ ᠵᠠᠰᠠᠭ ᠤᠨ ᠢᠯᠡ ᠶᠠᠪᠤᠭᠳᠠᠬᠤ ᠶᠢ ᠥᠨᠠᠨ | ᠬᠦ ᠪᠠᠳᠤᠯᠠᠨ᠎ᠠ᠃ ᠲᠠᠪᠤ ᠳᠤ᠂ ᠡᠳ᠋ ᠤᠨ ᠵᠠᠰᠠᠭ ᠤᠨ ᠬᠢᠨᠠᠯᠳᠠ ᠬᠠᠮᠢᠶᠠᠷᠣᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠴᠢᠩᠳᠡᠯᠡᠨ᠂ ᠵᠠᠰᠠᠭ | ᠤᠨ ᠣᠷᠳᠣᠨ ᠠᠴᠠ ᠪᠡᠯᠡ ᠣᠷᠣᠭᠤᠯᠣᠭᠰᠠᠨ ᠰᠠᠭᠤᠷᠢ ᠪᠠᠶᠢᠭᠤᠯᠣᠯᠳᠠ ᠶᠢᠨ ᠲᠦᠷᠦᠯ ᠵᠣᠶᠢᠯ ᠤᠨ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ | ᠂ ᠡᠳ᠋ ᠤᠨ ᠵᠠᠰᠠᠭ ᠤᠨ ᠪᠡᠯᠡ ᠮᠦᠩᠭᠦᠨ ᠤ ᠡᠷᠬᠢᠯᠳᠠ ᠶᠢᠨ ᠪᠦᠬᠦ ᠶᠠᠪᠣᠴᠠ ᠶᠢ ᠬᠢᠨᠠᠨ ᠬᠠᠮᠢᠶᠠᠷᠬᠤ ᠲᠣᠭᠳᠠᠴᠠ ᠶᠢ ᠴᠢᠷᠮᠠᠶᠢᠨ ᠪᠦᠷᠢᠯᠳᠦᠬᠦᠯᠦᠨ᠎ᠡ᠃ ᠠᠵᠣ ᠠᠬᠤᠢ | ᠶᠢᠨ ᠪᠠᠶᠢᠳᠠᠯ ᠪᠣᠯᠣᠨ ᠡᠳ᠋ ᠤᠨ ᠵᠠᠰᠠᠭ ᠭᠠᠶᠢᠯᠢ ᠶᠢᠨ ᠦᠭᠡᠷᠡᠴᠢᠯᠡᠯᠳᠠ ᠶᠢ ᠠᠩᠬᠠᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ | ᠤ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠳᠠ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠳᠠ ᠶᠢ ᠰᠠᠨᠠᠭᠠᠴᠢᠯᠠᠭ᠎ᠠ ᠲᠠᠢ | ᠭᠥᠯᠢᠶᠡᠵᠥ᠂ ᠬᠠᠤᠯᠢ ᠶᠤᠰᠤᠭᠠᠷ ᠵᠠᠰᠠᠭ ᠶᠠᠪᠤᠭᠤᠯᠤᠨ᠂ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠴᠤ᠂ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ | ᠥᠷᠭᠦᠯᠵᠢᠭᠦᠶᠢᠴᠡ ᠭᠥᠭᠵᠢᠯᠳᠡ ᠳᠤ ᠪᠠᠳᠤ ᠪᠠᠬᠢ ᠡᠳ᠋ ᠤᠨ ᠭᠥᠴᠥᠨ ᠤ ᠪᠠᠳᠤᠯᠠᠭ᠎ᠠ ᠬᠠᠩᠭᠠᠨ᠎ᠠ᠃ | ᠲᠥᠯᠥᠭᠡᠯᠡᠭᠴᠢᠳ ᠡ᠂ 2017 ᠤᠨ ᠪᠤᠯ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠨᠡᠭᠡᠭᠡᠭᠳᠡᠭᠦ ᠵᠢᠯ ᠪᠤᠯᠤᠨ᠎ᠠ᠂ ᠥᠨᠥ ᠵᠢᠯ ᠤᠨ ᠡᠳ᠋ ᠤᠨ ᠵᠠᠰᠠᠭ ᠤᠨ | ᠠᠵᠢᠯ ᠢᠶᠠᠨ ᠰᠠᠶᠢᠳᠦᠷ ᠬᠢᠬᠦ ᠨᠢ ᠠᠯᠤᠰ ᠬᠡᠳᠥ ᠶᠢᠨ ᠠᠴᠢ ᠬᠤᠯᠪᠤᠭᠳᠠᠯ ᠲᠠᠢ ᠶᠤᠮ᠃ ᠪᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠥᠴᠥᠳᠤ | ᠤᠳᠤᠷᠢᠳᠤᠯᠭ᠎ᠠ ᠲᠤᠤᠷ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠬᠤᠷᠠᠯ ᠪᠤᠯᠤᠨ ᠪᠠᠶᠢᠩᠭᠤ ᠶᠢᠨ ᠬᠤᠷᠢᠶᠠᠨ ᠤ ᠬᠢᠨ ᠤ ᠬᠢᠨᠠᠯᠳᠠ ᠶᠢ ᠤᠬᠠᠮᠰᠠᠷ ᠠᠴᠠ ᠪᠠᠨ | ᠬᠥᠯᠢᠶᠡᠨ᠂ ᠲᠤᠰ ᠤᠳᠠᠭᠠᠨ ᠤ ᠬᠤᠷᠠᠯ ᠢᠶᠠᠷ ᠲᠤᠭᠳᠠᠭᠠᠭᠰᠠᠨ ᠡᠯ᠎ᠡ ᠲᠥᠷᠥᠯ ᠤᠨ ᠰᠢᠢᠳᠪᠦᠷᠢ ᠶᠢ ᠬᠢᠨᠠᠮᠠᠭᠠᠢ ᠲᠤᠤᠱᠯᠠᠭᠤᠯᠵᠤ᠂ ᠢᠳᠡᠭᠡᠯ ᠪᠠᠳᠤ ᠪᠠᠷ ᠬᠥᠴᠢᠷ ᠢ | ᠢᠯᠡᠨ ᠵᠤᠷᠢᠭᠳᠠᠢ ᠲᠡᠮᠡᠴᠡᠵᠥ᠂ ᠪᠥᠭᠦ ᠵᠢᠯ ᠤᠨ ᠲᠥᠰᠥᠪᠯᠡᠭᠰᠡᠨ ᠡᠭᠦᠷᠭᠡ ᠪᠠᠨ ᠠᠮᠵᠢᠯᠳᠠ ᠲᠠᠢ ᠪᠡᠶᠡᠯᠡᠭᠦᠯᠥᠨ᠂ ᠪᠥᠭᠦ ᠬᠤᠰᠢᠭᠤᠨ ᠤ ᠠᠵᠤ ᠠᠬᠤᠢ ᠶᠢᠨ | ᠭᠥᠭᠵᠢᠯᠳᠡ ᠪᠠ ᠨᠡᠶᠢᠭᠡᠮ ᠤᠨ ᠥᠢᠯᠡᠰ ᠤᠨ ᠲᠠᠪᠰᠢᠯᠳᠠ ᠳᠤ ᠰᠢᠨ᠎ᠡ ᠵᠢᠳᠭᠦᠯ ᠨᠡᠮᠡᠷᠢ ᠥᠵᠡᠭᠦᠯᠰᠥᠭᠡᠢ︕ | |