—— 2016 ᠤᠨ ᠤ 1 ᠰᠠᠷ᠎ᠠ ᠶᠢᠨ 31 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ ᠬᠤᠭᠤᠴᠠᠭᠠᠨ ᠤ ᠠᠷᠠᠤᠨ ᠤᠨ | ᠲᠦᠯᠦᠬᠡᠯᠡᠭᠴᠢᠤᠨ ᠤᠨ ᠶᠡᠭᠡ ᠬᠤᠷᠠᠯ ᠤᠨ ᠲᠠᠪᠣᠳᠦᠭᠠᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠬᠤᠰᠢᠭᠤ ᠳᠠᠷᠤᠭ᠎ᠠ | | ᠵᠢᠷᠭᠠᠯᠳᠤ | | ᠲᠦᠯᠦᠬᠡᠯᠡᠭᠴᠢᠤᠨ ᠡ᠄ | ᠡᠳᠤᠬᠡ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ ᠲᠥᠯᠥᠭᠡᠯᠡᠭᠴᠢᠳ ︽ᠣᠳᠤᠭ ᠤᠨ ᠡᠮᠦᠨᠡᠳᠦ | ᠬᠤᠰᠢᠭᠤᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠠ ᠶᠢᠨ ᠠᠷᠪᠠᠨ ᠭᠤᠷᠪᠠᠳᠦᠭᠠᠷ ᠲᠠᠪᠣᠨ ᠵᠢᠯ ᠤᠨ ᠲᠦᠯᠦᠪᠵᠢᠭᠦᠯᠭᠡ ᠶᠢᠨ | ᠬᠦᠳᠦᠯᠡᠪᠦᠷᠢ ᠶᠢᠨ ᠲᠣᠪᠴᠢ ︵ᠲᠦᠰᠦᠪ︶︾ ᠶᠢᠨ ᠬᠠᠮᠳᠦ ᠬᠢᠨᠠᠨ ᠵᠦᠪᠯᠡᠵᠤ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ | ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ 2015 ᠤᠨ ᠵᠢᠴᠢ ︽ᠠᠷᠪᠠᠨ ᠬᠤᠶᠠᠳᠦᠭᠠᠷ ᠲᠠᠪᠣᠨ ᠵᠢᠯ︾ ᠤᠨ ᠬᠤᠭᠤᠴᠠᠭᠠᠨ ᠤ ᠠᠵᠢᠯ ᠤᠨ ᠡᠷᠬᠢᠴᠡᠬᠦᠯᠤᠯ | 2015 ᠣᠨ ᠪᠣᠯ ᠮᠠᠨ ᠤ ᠬᠤᠰᠢᠭᠤᠨ ᠤ ᠬᠦᠭᠵᠢᠯᠳᠠ ᠶᠢᠨ ᠠᠬᠢᠴᠠ ᠳᠠᠬᠢ ᠶᠡᠷᠦ ᠪᠣᠰᠣ ᠨᠢᠭᠡ ᠵᠢᠯ ᠪᠣᠯᠣᠨ᠎ᠠ᠃ ᠪᠣᠳᠣᠯᠢᠶᠠᠨᠳᠦ ᠪᠠᠶᠢᠳᠠᠯ ᠪᠣᠯᠣᠨ ᠬᠠᠳᠠᠭᠤ | ᠦᠷᠢᠰᠦᠯᠳᠦᠭᠡᠨ ᠳᠤ ᠬᠠᠨᠳᠣᠵᠣ᠂ ᠬᠤᠰᠢᠭᠤ ᠠᠷᠠᠳ ᠤᠨ ᠵᠠᠰᠠᠭ ᠤᠨ ᠣᠷᠳᠣᠨ ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ | ᠤ ᠨᠠᠮ ᠤᠨ ᠬᠤᠷᠢᠶᠠᠨ ᠤ ᠰᠢᠢᠤᠨᠪᠤᠷᠢ ᠳᠤᠬᠢᠷᠠᠭᠤᠯᠭ᠎ᠠ ᠶᠢ ᠪᠦᠬᠦ ᠳᠠᠯ᠎ᠠ ᠪᠠᠷ ᠪᠤᠳᠠᠳᠠᠶᠢᠵᠢᠭᠤᠯᠵᠤ᠂ ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠣᠯᠢ ᠶᠢᠨ ᠬᠢᠨᠠᠯᠳᠠ ᠪᠠ ᠤᠯᠤᠰ ᠲᠦᠷᠤ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ ᠲᠣᠣᠷ᠎ᠠ᠂ ᠠᠵᠣ ᠠᠬᠤᠢ | ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠢᠳᠡᠪᠬᠢᠳᠠᠢ ᠵᠣᠬᠢᠴᠠᠨ ᠦᠭᠡᠷᠡᠴᠢᠯᠠᠯᠳᠠ ᠬᠦᠭᠵᠢᠯᠳᠠ ᠲᠣᠭᠳᠠᠭᠤᠨ ᠤ ᠡᠯ᠎ᠡ ᠲᠦᠷᠦᠯ ᠤᠨ ᠠᠵᠢᠯ ᠢ ᠨᠢᠭᠡᠳᠦᠯᠳᠡᠢ | ᠲᠦᠯᠦᠪᠵᠢᠭᠦᠯᠦᠨ ᠰᠠᠶᠢᠳᠦᠷ ᠠᠳᠬᠤᠵᠣ᠂ ᠶᠢᠰᠤᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ | ᠳᠡᠬᠡᠷ᠎ᠠ ᠳᠤᠭᠳᠠᠭᠠᠭᠰᠡᠨ ᠬᠠᠷᠠᠯᠳᠠ ᠡᠬᠦᠷᠬᠡ ᠪᠠᠨ ᠠᠮᠵᠢᠯᠳᠠ ᠲᠠᠢ ᠪᠡᠶᠡᠯᠡᠭᠦᠯᠵᠣ᠂ ᠠᠵᠣ ᠠᠬᠤᠢ ᠨᠡᠶᠢᠭᠡᠮ ᠤᠨ ᠬᠦᠭᠵᠢᠯᠳᠠ ᠶᠢᠨ ᠰᠢᠨ᠎ᠡ ᠠᠮᠵᠢᠯᠳᠠ ᠶᠢ | ᠣᠯᠣᠭᠰᠠᠨ ᠪᠠᠶᠢᠨ᠎ᠠ᠃ | ︵ᠨᠢᠭᠡ︶ ᠠᠵᠣ ᠠᠬᠤᠢ ᠶᠢᠨ ᠲᠣᠭᠳᠠᠭᠤᠨ ᠨᠡᠮᠡᠭᠳᠡᠯ ᠢ ᠪᠡᠶᠡᠯᠡᠬᠦᠯᠪᠠ᠃ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 129 ᠳ᠋ᠦᠩᠰᠢᠭᠤᠷ | ᠲᠦᠬᠦᠷᠢᠭ ᠲᠤ ᠬᠦᠷᠴᠤ᠂ 9.7% ᠨᠡᠮᠡᠭᠳᠡᠪᠠ︔ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ 16 ᠳ᠋ᠥᠩᠰᠢᠭᠤᠷ ᠲᠥᠭᠦᠷᠢᠭ ᠲᠤ ᠭᠥᠷᠥᠨ᠂ | 8.9% ᠨᠡᠮᠡᠭᠳᠡᠪᠠ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 232 ᠳ᠋ᠦᠩᠰᠢᠭᠤᠷ ᠲᠦᠬᠦᠷᠢᠭ ᠲᠤ ᠬᠦᠷᠴᠤ᠂ 16% ᠨᠡᠮᠡᠭᠳᠠᠪᠠ︔ ᠨᠠᠶᠢᠬᠡᠮ ᠤᠨ | ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ 20.4 ᠳ᠋ᠦᠩᠰᠢᠭᠤᠷ ᠲᠦᠬᠦᠷᠢᠭ ᠲᠤ ᠬᠦᠷᠤᠨ᠂ 8% ᠨᠡᠮᠡᠭᠳᠡᠪᠠ︔ ᠬᠤᠳᠠ | ᠬᠦᠳᠡᠭᠡ ᠶᠢᠨ ᠰᠠᠭᠤᠭᠠᠯᠢ ᠠᠷᠠᠤᠨ ᠤᠨ ᠤᠷᠤᠯᠭ᠎ᠠ ᠳᠤᠰᠪᠤᠷᠢ 35545 ᠲᠦᠬᠦᠷᠢᠭ ᠪᠠ 14501 ᠲᠦᠬᠦᠷᠢᠭ ᠲᠤ ᠬᠦᠷᠴᠤ᠂ 7.4% ᠪᠠ 7.6% | ᠨᠡᠮᠡᠭᠳᠡᠪᠠ᠃ ᠠᠵᠣ ᠠᠬᠤᠢ ᠶᠢᠨ ᠭᠤᠣᠯ ᠵᠢᠭᠠᠯᠳᠠ ᠵᠢᠱᠢᠯᠳᠠ ᠠᠴᠠ ᠦᠨᠳᠦᠷ ᠪᠣᠯᠵᠣ᠂ ᠡᠬᠦᠨ ᠳᠤ ᠭᠠᠵᠠᠷ ᠣᠷᠣᠨ ᠤ ᠤᠶᠢᠯᠡᠤᠨᠪᠤᠷᠢᠯᠡᠯ ᠤᠨ ᠶᠡᠷᠦᠩᠭᠡᠢ ᠦᠷᠳᠡᠭ᠂ | ᠲᠣᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠪᠤᠯᠤᠨ ᠬᠤᠳᠠ ᠪᠠᠯᠭᠠᠰᠤᠨ ᠤ ᠰᠠᠭᠤᠭᠠᠯᠢ ᠠᠷᠠᠤᠨ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠴᠦᠮ | ᠪᠦᠬᠦ ᠬᠤᠳᠠ ᠳᠤ ᠪᠠᠨ ᠲᠡᠷᠢᠭᠦᠯᠡᠨ᠂ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢᠨ ᠨᠡᠮᠡᠭᠳᠡᠯ ᠤᠨ ᠬᠤᠷᠳᠣᠴᠠ ᠪᠦᠬᠦ ᠬᠤᠳᠠ ᠳᠤ ᠪᠠᠨ | ᠬᠤᠶᠠᠳᠦᠭᠠᠷ ᠲᠤ ᠤᠷᠤᠵᠤ᠂ ᠮᠠᠯᠴᠢᠨ ᠳᠠᠷᠢᠶᠠᠴᠢᠤᠨ ᠤᠨ ᠬᠦᠮᠤᠨ ᠳᠤᠮᠳᠠᠴᠢ ᠶᠢᠨ ᠣᠷᠣᠯᠭ᠎ᠠ ᠶᠢᠨ ᠶᠡᠷᠦᠩᠬᠡᠢ ᠬᠡᠮᠵᠢᠶ᠎ᠠ ᠪᠣᠯᠣᠨ ᠨᠡᠮᠡᠭᠳᠡᠯ ᠤᠨ ᠬᠡᠮᠵᠢᠶ᠎ᠠ ︽ᠬᠤᠤᠰ | ᠨᠢᠬᠡᠳᠤᠬᠡᠷ︾ ᠪᠠᠶᠢᠷᠢ ᠡᠵᠡᠯᠡᠪᠠ᠃ | ︵ᠬᠤᠶᠠᠷ︶ ᠬᠡᠯᠪᠡᠷᠢ ᠶᠢ ᠬᠤᠪᠢᠷᠠᠭᠤᠯᠬᠤ ᠲᠡᠰ ᠲᠡᠪᠰᠢᠯᠳᠠ ᠢᠡᠯᠡᠷᠬᠡᠢ ᠪᠦᠳᠦᠮᠵᠢᠳᠠᠢ ᠪᠣᠯᠪᠠ᠃ ᠨᠡᠬᠦᠷᠡᠰᠤ᠂ ᠨᠡᠬᠦᠷᠡᠰᠤᠨ ᠬᠢᠮᠢ᠂ ᠰᠢᠳᠠᠮᠠᠬᠠᠢ ᠬᠡᠢ ᠶᠢᠨ | ᠭᠠᠷᠤᠯᠳᠠ ᠳᠤᠰᠪᠤᠷᠢ 1000 ᠲᠦᠮᠡᠨ ᠳᠤᠨ᠂ 110 ᠲᠦᠮᠡᠨ ᠳᠤᠨ ᠪᠠ 49 ᠳ᠋ᠦᠩᠰᠢᠭᠤᠷ ᠺᠦᠪ ᠮᠧᠲᠷ ᠬᠦᠷᠴᠤ᠂ ᠠᠵᠤ ᠤᠶᠢᠯᠡᠤᠨᠪᠤᠷᠢ ᠶᠢᠨ | ᠣᠶᠢᠯᠠᠳᠪᠦᠷᠢᠯᠠᠯ ᠤᠨ ᠶᠡᠷᠦᠩᠬᠡᠢ ᠦᠷᠳᠡᠭ 280 ᠳ᠋ᠦᠩᠰᠢᠭᠤᠷ ᠲᠦᠬᠦᠷᠢᠭ ᠲᠤ ᠬᠦᠷᠴᠦ᠂ 13.9% ᠨᠡᠮᠡᠭᠳᠡᠪᠡ᠃ ᠮᠠᠯ ᠤᠨ ᠶᠡᠷᠦᠩᠬᠡᠢ ᠲᠤᠭ᠎ᠠ ᠪᠣᠯᠣᠨ | ᠪᠤᠷᠤᠯᠠᠭᠤᠯᠤᠯᠳᠠ ᠲᠣᠰᠪᠦᠷᠢ 236 ᠲᠦᠮᠡ ᠪᠠ 143 ᠲᠦᠮᠡ ᠬᠦᠷᠴᠦ᠂ ᠲᠠᠷᠢᠮᠠᠯ ᠤᠨ ᠶᠡᠷᠦᠩᠬᠡᠢ ᠲᠠᠯᠠᠪᠠᠢ 53 ᠲᠦᠮᠡᠨ ᠮᠣ᠋᠂ ᠣᠨᠴᠠᠯᠢᠭᠳᠦ ᠠᠵᠣ ᠠᠬᠤᠢ | ᠶᠢᠨ ᠲᠠᠷᠢᠮᠠᠯ ᠤᠨ ᠲᠠᠯᠠᠪᠠᠢ 6 ᠲᠦᠮᠡᠨ ᠮᠣ᠋ ᠬᠦᠷᠴᠦ᠂ ᠾᠧᠩ ᠺᠧ᠂ ᠮᠧᠩ ᠯᠢ᠂ ᠵᠦᠩ ᠴᠤᠸᠠᠨ ᠵᠡᠷᠬᠡ ᠲᠣᠯᠣᠭᠠᠶᠢᠯᠠᠭᠴᠢ ᠠᠵᠣ ᠠᠬᠤᠶᠢᠯᠠᠯ ᠤᠨ ᠲᠠᠶᠢᠴᠢᠯᠠᠬᠤ | ᠦᠷ᠎ᠡ ᠠᠰᠢᠭ ᠢᠯᠡᠷᠬᠡᠢ ᠪᠣᠯᠵᠣ᠂ ᠮᠠᠨ ᠤ ᠬᠤᠰᠢᠭᠤ ᠪᠦᠬᠦ ᠣᠷᠣᠨ ᠤ ᠮᠠᠯ ᠲᠠᠷᠢᠶᠠᠯᠠᠩ ᠤᠨ ᠪᠦᠳᠦᠭᠳᠡᠭᠦᠨ ᠤ ᠪᠦᠬᠦ ᠠᠵᠣ ᠣᠶᠢᠯᠠᠰ ᠤᠨ ᠬᠡᠯᠬᠢᠶ᠎ᠡ ᠶᠢᠨ ᠭᠡᠳᠡᠷᠬᠦ | ᠨᠡᠭᠡᠮᠵᠢᠯᠡᠬᠦ ᠰᠢᠰᠲ᠋ᠧᠮ ᠪᠣᠯᠣᠨ ᠮᠠᠯ ᠠᠵᠣ ᠠᠬᠤᠢ ᠶᠢᠨ ᠪᠦᠬᠦ ᠶᠠᠪᠣᠴᠠ ᠶᠢᠨ ᠮᠠᠰᠢᠨᠴᠢᠯᠠᠯᠳᠠ ᠶᠢᠨ ᠲᠣᠷᠰᠢᠯᠳᠠ ᠶᠢᠨ ᠬᠤᠰᠢᠭᠤ ᠪᠠᠷ ᠲᠣᠭᠳᠠᠭᠠᠭᠳᠠᠪᠠ᠃ ᠰᠣᠶᠣᠯ | ᠵᠢᠭᠤᠯᠴᠢᠯᠠᠯ᠂ ᠡᠯᠧᠺᠲᠷᠣᠨ ᠠᠷᠠᠯᠵᠢᠶ᠎ᠠ᠂ ᠪᠣᠳᠠᠰ ᠤᠨ ᠭᠦᠢᠯᠭᠡᠭᠡ ᠲᠦᠷᠭᠡᠨ ᠲᠠᠮᠵᠢᠭᠤᠯᠭ᠎ᠠ᠂ ᠡᠷᠡᠭᠦᠯᠵᠢᠯ ᠰᠣᠪᠢᠯᠠᠯᠳᠠ ᠵᠡᠷᠬᠡ ᠠᠵᠣ ᠣᠶᠢᠯᠠᠰ ᠲᠦᠷᠬᠡᠨ | ᠬᠦᠭᠵᠢᠵᠣ᠂ ᠡᠮ ᠡᠮᠨᠡᠯᠭᠡ᠂ ᠨᠠᠰᠦᠵᠢᠯ᠂ ᠡᠷᠡᠭᠦᠯᠵᠢᠯ ᠰᠣᠪᠢᠯᠠᠯᠳᠠ ︽ᠭᠤᠷᠪᠠ ᠶᠢ ᠴᠣᠭᠴᠠᠵᠢᠭᠤᠯᠣᠭᠰᠠᠨ︾ ᠣᠯᠵᠠᠴᠢ ᠪᠠᠯᠭᠠᠰᠤᠨ ᠤ ᠶᠡᠷᠦᠩᠬᠡᠶᠢᠯᠡᠭᠰᠡᠨ | ᠠᠰᠠᠷᠠᠮᠵᠢ ᠶᠢᠨ ᠬᠦᠷᠢᠶᠡᠯᠠᠩ ᠠᠰᠢᠭᠯᠠᠯᠳᠠ ᠳᠤ ᠣᠷᠣᠵᠣ᠂ 1.75 ᠲᠦᠮᠡᠨ ᠬᠦᠮᠦᠨ ᠣᠳᠠᠭ᠎ᠠ ᠶᠢᠨ ᠰᠡᠳᠬᠢᠴᠠ ᠶᠢᠨ ᠵᠢᠯᠣᠭᠤᠳᠣᠯᠭ᠎ᠠ ᠬᠢᠪᠠ︔ ᠪᠦᠬᠦ ᠵᠢᠯ 67. | 3 ᠲᠦᠮᠡᠨ ᠬᠦᠮᠦᠨ ᠣᠳᠠᠭ᠎ᠠ ᠶᠢᠨ ᠵᠢᠭᠤᠯᠴᠢᠯᠠᠭᠰᠠᠳ ᠢ ᠬᠦᠯᠢᠶᠡᠨ ᠵᠤᠴᠢᠯᠡᠵᠤ᠂ 19.2 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠣᠷᠣᠯᠭ᠎ᠠ ᠣᠯᠪᠠ︔ | ᠮᠦᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰᠪᠦᠷᠢ 33.2 ᠳ᠋ᠦᠩᠰᠢᠭᠤᠷ ᠲᠦᠬᠦᠷᠢᠭ ᠪᠠ 27 ᠳ᠋ᠦᠩᠰᠢᠭᠤᠷ ᠲᠦᠬᠦᠷᠢᠭ ᠬᠦᠷᠪᠠ᠃ | ︵ᠭᠤᠷᠪᠠ︶ ᠠᠵᠤ ᠤᠶᠢᠯᠡᠤᠨᠪᠤᠷᠢ ᠶᠢᠨ ᠲᠦᠷᠤᠯ ᠵᠦᠢᠯ ᠪᠦᠬᠦ ᠳᠠᠯ᠎ᠠ ᠪᠠᠷ ᠠᠬᠢᠪᠠ᠃ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠣᠨᠴᠠ ᠦᠨᠳᠦᠷ | ᠲᠠᠷᠣᠯᠳᠠᠳᠦ ᠴᠠᠬᠢᠯᠭᠠᠨ ᠬᠦᠷᠬᠡᠬᠦ ᠱᠤᠭᠤᠮ ᠣᠯᠣᠰ ᠤᠨ ᠦᠭᠡᠷᠡᠴᠢᠯᠠᠯᠳᠠ ᠬᠦᠭᠵᠢᠭᠦᠯᠦᠯᠳᠠ ᠶᠢᠨ ᠵᠦᠪᠯᠠᠯ ᠤᠨ ᠵᠦᠪᠰᠢᠶᠠᠷᠠᠯ ᠢ ᠣᠯᠵᠣ ᠪᠠᠷᠢᠯᠭ᠎ᠠ ᠡᠬᠢᠯᠠᠨ᠂ | ᠲᠠᠪᠣᠨ 2× 100 ᠲᠦᠮᠡᠨ ᠺᠢᠯᠤᠸᠠᠲ ᠤᠨ ᠲᠦᠬᠦᠷ ᠴᠠᠬᠢᠯᠭᠠᠨ ᠣᠶᠢᠯᠠᠳᠪᠦᠷᠢ ᠶᠢ ᠢᠵᠢᠯ ᠠᠯᠬᠤᠮ ᠢᠶᠠᠷ ᠠᠬᠢᠭᠤᠯᠵᠣ᠂ ᠬᠤᠸᠠ ᠰᠢᠩ ᠤᠨ ᠨᠡᠬᠦᠷᠡᠰᠤ ᠪᠠᠷ | ᠰᠢᠳᠠᠮᠠᠬᠠᠢ ᠬᠡᠢ ᠤᠶᠢᠯᠡᠤᠨᠬᠦ ᠲᠦᠷᠦᠯ ᠵᠣᠶᠢᠯ ᠣᠷᠣᠭᠰᠢᠳᠠᠢ ᠶᠠᠪᠣᠭᠳᠠᠵᠣ᠂ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠰᠠᠭᠤᠷᠢᠨ ᠤ ᠬᠦᠭᠵᠢᠯᠳᠠ ᠠᠮᠢᠳᠣᠯᠢᠭ | ᠬᠦᠴᠦᠨ ᠪᠠᠳᠠᠷᠠᠵᠣ᠂ ᠣᠯᠣᠰ ᠤᠨ ᠠᠩᠬᠠᠳᠠᠭᠴᠢ ᠠᠮᠢ ᠠᠬᠤᠶᠢᠴᠢ ᠠᠵᠣ ᠣᠶᠢᠯᠠᠳᠪᠦᠷᠢ ᠶᠢᠨ ᠲᠠᠭᠤᠷᠢᠶᠠᠯ ᠬᠦᠷᠢᠶᠡᠯᠡᠩ ᠢ ᠴᠣᠭᠴᠠᠯᠠᠵᠣ ᠪᠣᠢ᠃ ᠺᠧ ᠰᠧ᠂ ᠶᠠ | ᠬᠠᠢ ᠶᠢᠨ LNG ᠲᠦᠷᠦᠯ ᠵᠣᠶᠢᠯ ᠤᠨ ᠬᠡᠢ ᠬᠡᠷᠡᠭᠯᠡᠬᠦ ᠵᠢᠭᠠᠯᠳᠠ ᠵᠦᠪᠰᠢᠶᠠᠷᠠᠯ ᠣᠯᠵᠣ᠂ ᠱᠢ ᠳ᠋ᠠ ᠴᠡᠪᠡᠷ ᠡᠨᠧᠷᠬᠢ ᠶᠢᠨ ᠨᠢᠭᠡᠳᠦᠭᠡᠷ ᠬᠤᠭᠤᠴᠠᠭᠠᠨ ᠤ 20 | ᠲᠦᠮᠡᠨ ᠲᠣᠨ LNG ᠲᠦᠷᠦᠯ ᠵᠣᠶᠢᠯ ᠲᠣᠷᠰᠢᠨ ᠣᠶᠢᠯᠠᠳᠪᠦᠷᠢᠯᠠᠬᠦ ᠨᠦᠬᠦᠴᠡᠯ ᠪᠦᠷᠢᠳᠴᠦ᠂ LNG ᠲᠦᠷᠦᠯ ᠵᠣᠶᠢᠯ ᠤᠨ ᠪᠠᠶᠢᠭᠤᠯᠵᠣ ᠪᠠᠶᠢᠭ᠎ᠠ ᠬᠡᠪᠴᠢᠶ᠎ᠡ | 100 ᠲᠦᠮᠡᠨ ᠲᠣᠨ ᠢ ᠲᠠᠪᠠᠪᠠ︔ ︽ᠰᠢᠨ᠎ᠠ ᠡᠨᠧᠷᠬᠢ ᠶᠢ ᠨᠡᠬᠡᠬᠡᠨ ᠠᠰᠢᠭᠯᠠᠬᠤ ᠲᠦᠯᠤᠪᠵᠢᠬᠦᠯᠬᠡ︾ ᠶᠢ ᠨᠠᠶᠢᠷᠠᠭᠤᠯᠵᠣ ᠲᠠᠭᠤᠰᠬᠠᠨ᠂ ᠰᠠᠯᠬᠢᠨ ᠴᠠᠬᠢᠯᠭᠠᠨ | ᠨᠠᠷᠠᠨ ᠡᠨᠧᠷᠬᠢ ᠶᠢᠨ ᠲᠦᠷᠦᠯ ᠵᠣᠶᠢᠯ ᠤᠨ ᠡᠮᠦᠨ᠎ᠡ ᠬᠤᠭᠤᠴᠠᠭᠠᠨ ᠤ ᠠᠵᠢᠯ ᠲᠦᠷᠬᠡᠨ ᠠᠬᠢᠵᠣ᠂ ᠷᠦᠨ ᠪᠦᠸᠧ ᠶᠢᠨ 33 ᠰᠡᠶᠠ ᠸᠠᠲ ᠤᠨ ᠨᠠᠷᠠᠨ ᠴᠠᠬᠢᠯᠭᠠᠨ ᠤ | ᠲᠦᠷᠤᠯ ᠵᠦᠢᠯ ᠴᠠᠬᠢᠯᠭᠠᠨ ᠭᠠᠷᠭᠠᠵᠣ ᠡᠬᠢᠯᠡᠨ᠂ ᠠᠵᠣ ᠠᠬᠤᠢ ᠶᠢᠨ ᠬᠦᠭᠵᠢᠯᠳᠠ ᠶᠢᠨ ᠨᠦᠬᠡᠴᠠ ᠬᠦᠴᠦᠨ ᠢᠯᠡᠳᠳᠠ ᠴᠢᠩᠭᠠᠳᠪᠠ᠃ | ︵ᠲᠦᠷᠪᠠ︶ ᠨᠢᠭᠡᠳᠦᠯᠳᠡᠢ ᠲᠦᠯᠦᠪᠵᠢᠭᠦᠯᠦᠭᠰᠡᠨ ᠬᠦᠭᠵᠢᠯᠳᠠ ᠲᠦᠷᠬᠡᠳᠪᠡ᠃ ︽ᠠᠷᠪᠠ ᠶᠢ ᠨᠡᠶᠢᠳᠡᠮ ᠪᠡᠶᠡᠯᠡᠭᠦᠯᠬᠦ︾ ᠪᠠ ᠣᠷᠴᠢᠨ ᠲᠣᠭᠤᠷᠢᠨ ᠤ | ᠴᠡᠭᠴᠡᠯᠡᠯᠳᠠ ᠳᠤ 8.6 ᠳ᠋ᠦᠩᠰᠢᠭᠤᠷ ᠲᠦᠬᠦᠷᠢᠭ ᠪᠡᠯᠡ ᠣᠷᠣᠭᠤᠯᠵᠣ᠂ 3700 ᠡᠷᠦᠬᠡ ᠶᠢᠨ ᠡᠨᠧᠷᠬᠢ ᠠᠷᠪᠢᠯᠠᠬᠤ ᠦᠭᠡᠷᠡᠴᠢᠯᠠᠯᠳᠠ᠂ 3000 ᠡᠷᠦᠬᠡ ᠨᠣᠷᠠᠬᠤ | ᠠᠶᠣᠯ ᠲᠠᠢ ᠭᠡᠷ ᠤᠨ ᠦᠭᠡᠷᠡᠴᠢᠯᠡᠯᠳᠠ ᠶᠢ ᠪᠡᠶᠡᠯᠭᠦᠯᠵᠣ᠂ 193 ᠺᠢᠯᠦᠮᠧᠲᠷ ᠵᠡᠭᠡᠯᠢ ᠭᠤᠳᠣᠮᠵᠢ ᠶᠢ ᠬᠠᠳᠠᠭᠤᠵᠢᠭᠤᠯᠵᠣ᠂ 2602 ᠬᠦᠮᠦᠨ ᠤ ᠤᠰᠤ ᠣᠮᠳᠠ | ᠶᠢᠨ ᠬᠦᠴᠢᠷᠳᠡᠯ ᠢ ᠰᠢᠢᠤᠨᠪᠤᠷᠢᠯᠡᠪᠠ︔ ︽ᠮᠠᠯᠵᠢᠬᠤ ᠲᠠᠷᠢᠶᠠᠯᠠᠬᠤ ᠣᠷᠣᠨ ᠳᠤ ᠰᠢᠳᠠᠮᠠᠬᠠᠢ ᠬᠡᠢ ᠨᠡᠪᠳᠡᠷᠡᠬᠦᠯᠬᠦ︾ ᠢᠨᠵᠧᠨᠧᠷᠢᠩ ᠤᠨ ᠠᠷᠠᠳ ᠤᠨ ᠬᠡᠷᠡᠭᠯᠡᠭᠡᠨ ᠤ | ᠵᠢᠭᠠᠯᠳᠠ ᠶᠢ 1 ᠳ᠋ᠥᠩᠰᠢᠭᠤᠷ ᠺᠦᠪ ᠮᠧᠲᠷ ᠣᠯᠵᠣ᠂ ᠮᠠᠯᠠᠳ ᠨᠡᠶᠢᠭᠡᠮ ᠲᠣᠭᠤᠷᠢᠭ ᠤᠨ 90 ᠡᠷᠦᠬᠡ ᠳᠤ ᠰᠢᠳᠠᠮᠠᠬᠠᠢ ᠬᠡᠢ ᠨᠡᠪᠳᠡᠷᠡᠭᠦᠯᠪᠡ︔ ᠣᠷᠴᠢᠨ ᠳᠤᠭᠤᠷᠢᠨ | ᠤ ᠴᠡᠭᠴᠡᠯᠡᠯᠳᠠ ᠪᠦᠬᠦ ᠲᠠᠯ᠎ᠠ ᠪᠠᠷ ᠠᠬᠢᠵᠣ᠂ 9324 ᠬᠠᠭᠤᠴᠢᠨ ᠭᠡᠷ ᠢ ᠨᠣᠷᠠᠭᠠᠵᠣ᠂ ᠮᠠᠯᠵᠢᠬᠤ ᠲᠠᠷᠢᠶᠠᠯᠠᠬᠤ ᠣᠷᠣᠨ ᠳᠤ 70 ᠬᠤᠭ ᠤᠨ ᠨᠦᠬᠡ ᠪᠠᠶᠢᠭᠤᠯᠵᠣ᠂ | 2.87 ᠲᠦᠮᠡᠨ ᠮᠣ᠋ ᠠᠶᠢᠯ ᠲᠣᠰᠬᠤᠨ ᠤ ᠣᠶᠢᠵᠢᠭᠤᠯᠣᠯᠳᠠ ᠬᠢᠵᠣ᠂ ᠦᠨᠳᠦᠰᠦᠨ ᠱᠠᠳᠣᠨ ᠤ 10 ᠨᠡᠶᠢᠭᠡᠮ ᠲᠣᠭᠤᠷᠢᠭ᠂ 68 ᠵᠠᠰᠠᠭ ᠵᠠᠬᠢᠷᠭᠠᠨ ᠤ ᠭᠠᠴᠠᠭ᠎ᠠ | ᠲᠣᠰᠬᠤᠨ᠂ 256 ᠪᠠᠭ ᠰᠠᠭᠤᠷᠢᠰᠢᠯ ᠢ ᠦᠨᠳᠦᠰᠦᠨ ᠳᠡᠭᠡᠨ ᠬᠠᠮᠣᠷᠠᠭᠤᠯᠪᠠ᠃ ᠡᠳ᠋ ᠤᠨ ᠬᠦᠴᠦᠨ ᠢᠶᠠᠨ ᠲᠦᠪᠯᠡᠷᠡᠭᠦᠯᠦᠨ ᠬᠤᠳᠠ ᠪᠠᠯᠭᠠᠰᠣᠨ ᠤ ᠴᠢᠳᠠᠪᠬᠢ ᠶᠢ | ᠲᠡᠭᠦᠯᠳᠡᠷᠵᠢᠭᠦᠯᠵᠣ᠂ ᠶᠢᠨ ᠰᠢᠦ ᠯᠢ ᠳ᠋ᠣᠣ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠬᠦᠷᠢᠶᠡᠯᠡᠩ᠂ ᠰᠣᠶᠣᠯ ᠤᠨ ᠠᠵᠣ ᠣᠶᠢᠯᠠᠰ ᠤᠨ ᠬᠦᠷᠢᠶᠡᠯᠡᠩ ᠢ | ᠠᠰᠢᠭᠯᠠᠯᠳᠠ ᠳᠤ ᠣᠷᠣᠭᠤᠯᠵᠣ᠂ ᠬᠤᠳᠠ ᠶᠢᠨ ᠵᠠᠮ ᠵᠡᠭᠡᠯᠢ᠂ ᠲᠣᠣᠷ ᠬᠤᠭᠤᠯᠢ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠬᠡ ᠰᠠᠭᠤᠷᠢ ᠲᠦᠬᠦᠭᠡᠷᠦᠮᠵᠢ ᠶᠢ | ᠲᠠᠰᠣᠷᠠᠯᠳᠠ ᠦᠭᠡᠢ ᠰᠠᠶᠢᠵᠢᠷᠠᠭᠤᠯᠣᠨ᠂ ᠣᠶᠢᠵᠢᠭᠤᠯᠣᠯᠳᠠ᠂ ᠭᠡᠭᠡᠵᠢᠭᠦᠯᠦᠯᠳᠠ᠂ ᠭᠤᠶᠣᠵᠢᠭᠤᠯᠣᠯᠳᠠ᠂ ᠴᠡᠪᠡᠷᠰᠢᠯᠡᠬᠦᠯᠦᠯᠳᠠ ᠶᠢ ᠪᠦᠬᠦ ᠲᠠᠯ᠎ᠠ ᠪᠠᠷ | ᠳᠡᠬᠡᠭᠰᠢᠯᠡᠬᠦᠯᠵᠤ ᠂ ᠪᠦᠬᠦ ᠤᠯᠤᠰ ᠤᠨ ᠰᠢᠶᠠᠨ ᠤ ᠳᠡᠰ ᠤᠨ ᠪᠣᠯᠪᠠᠰᠣᠨ ᠬᠤᠳᠠ ᠶᠢᠨ ᠴᠤᠭᠴᠠᠯᠠᠯᠳᠠ ᠢᠯᠡᠤᠨᠳᠠ ᠪᠦᠳᠤᠮᠵᠢ ᠤᠯᠵᠤ᠂ ᠵᠢᠯ ᠤᠨ ᠦᠨᠡᠯᠡᠯᠳᠠ ᠳᠤ | ᠦᠪᠡᠷᠳᠡᠭᠡᠨ ᠵᠠᠰᠠᠬᠤ ᠣᠷᠣᠨ ᠤ ᠬᠤᠶᠠᠳᠦᠭᠠᠷ ᠲᠤ ᠣᠷᠣᠪᠠ᠃ | ︵ᠲᠠᠪᠤ︶ ᠬᠦᠭᠵᠢᠯᠳᠠ ᠶᠢᠨ ᠣᠷᠴᠢᠨ ᠨᠡᠩ ᠰᠢᠯᠢᠳᠡᠭᠵᠢᠪᠡ᠃ ᠠᠩᠬᠠᠳᠠᠭᠴᠢ ᠦᠨᠳᠦᠷ ᠲᠡᠰ ᠤᠨ ᠵᠠᠰᠠᠮᠠᠯ ᠵᠠᠮ S216 ᠱᠤᠭᠤᠮ ᠲᠡᠷᠬᠡ ᠨᠡᠪᠳᠡᠷᠠᠵᠣ᠂ | ᠲᠣᠣ ᠱᠠᠩ ᠲᠠᠮᠦᠷ ᠵᠠᠮ ᠤᠨ ᠲᠣᠯᠢ ᠠᠴᠠ ᠣᠯᠵᠠᠴᠢ ᠬᠦᠷᠬᠦ ᠬᠡᠰᠡᠭ ᠤᠨ ᠪᠠᠷᠢᠯᠭ᠎ᠠ ᠲᠠᠭᠤᠰᠪᠠ︔ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠬᠡᠨ ᠵᠠᠮ᠂ | ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠨᠦᠭᠦᠴᠡᠯ ᠪᠦᠷᠢᠳᠦᠪᠡ᠃ 7 ᠲᠦᠷᠦᠯ ᠤᠨ ᠴᠠᠬᠢᠯᠭᠠᠨ ᠬᠤᠪᠢᠰᠬᠠᠨ ᠲᠠᠮᠵᠢᠭᠤᠯᠬᠤ | ᠢᠨᠵᠧᠨᠧᠷᠢᠩ ᠵᠦᠪᠰᠢᠶᠡᠷᠡᠯ ᠣᠯᠵᠣ᠂ ᠬᠡᠷᠡᠮ ᠤᠨ ᠭᠤᠣᠯ ᠤᠨ 110 ᠺᠢᠯᠦᠸ᠋ᠯᠲ ᠴᠠᠬᠢᠯᠭᠠᠨ ᠬᠤᠪᠢᠰᠬᠠᠬᠤ ᠦᠷᠳᠡᠭᠡ ᠠᠰᠢᠭᠯᠠᠯᠳᠠ ᠳᠤ ᠣᠷᠣᠵᠣ᠂ ᠰᠢᠨ᠎ᠡ ᠪᠠᠷ | 306 ᠬᠦᠴᠦᠳᠡᠯ ᠦᠭᠡᠷᠡᠴᠢᠯᠡᠭᠴᠢ ᠣᠭᠰᠠᠷᠠᠵᠣ᠂ 748 ᠺᠢᠯᠦᠮᠧᠲᠷ ᠲᠠᠷᠢᠶᠠᠯᠠᠩ ᠤᠨ ᠴᠠᠬᠢᠯᠭᠠᠨ ᠱᠣᠭᠤᠮ ᠢ ᠰᠢᠨᠡᠳᠭᠡᠨ ᠦᠭᠡᠷᠡᠴᠢᠯᠠᠵᠣ᠂ ᠮᠠᠯᠵᠢᠬᠤ | ᠲᠠᠷᠢᠶᠠᠯᠠᠬᠤ ᠣᠷᠣᠨ ᠤ ᠴᠠᠬᠢᠯᠭᠠᠨ ᠤ ᠪᠠᠳᠣᠯᠠᠭ᠎ᠠ ᠶᠢ ᠢᠯᠡᠳᠳᠠ ᠲᠡᠭᠡᠭᠰᠢᠯᠡᠬᠦᠯᠪᠡ᠃ ᠪᠦᠳᠦᠬᠡᠨ ᠪᠠᠶᠢᠭᠤᠯᠣᠯᠳᠠ ᠳᠤ ᠬᠡᠷᠡᠭᠯᠡᠬᠦ ᠭᠠᠵᠠᠷ ᠢ 2.61 ᠲᠦᠮᠡᠨ ᠮᠤ᠋ | ᠮᠡᠳᠡᠭᠦᠯᠦᠨ ᠵᠦᠪᠰᠢᠶᠡᠷᠡᠬᠦᠯᠵᠣ᠂ ᠡᠯ᠎ᠡ ᠲᠦᠷᠦᠯ ᠵᠣᠶᠢᠯ ᠤᠨ ᠭᠠᠵᠠᠷ ᠰᠢᠷᠣᠢ ᠶᠢᠨ ᠬᠡᠷᠡᠭᠴᠡᠭᠡ ᠶᠢ ᠪᠠᠳᠣᠯᠠᠪᠠ᠃ ᠠᠮᠢ ᠠᠬᠤᠢ ᠶᠢᠨ ᠲᠣᠣᠷ᠎ᠠ ᠬᠢᠵᠠᠭᠠᠷᠯᠠᠯ ᠢ ᠪᠠᠳᠦ | ᠰᠠᠬᠢᠵᠣ᠂ 17.7 ᠲᠦᠮᠡᠨ ᠮᠣ᠋ ᠤᠶᠢᠵᠢᠭᠤᠯᠤᠯᠳᠠ ᠬᠢᠵᠣ᠂ 7.95 ᠲᠦᠮᠡᠨ ᠮᠣ᠋ ᠬᠦᠷᠦᠰᠦ ᠰᠢᠷᠣᠢ ᠶᠢᠨ ᠢᠳᠡᠭᠳᠡᠯ ᠢ ᠵᠠᠰᠠᠵᠣ᠂ ᠠᠮᠢ ᠠᠬᠤᠢ ᠶᠢᠨ ᠣᠷᠴᠢᠨ ᠢ | ᠦᠷᠬᠦᠯᠵᠢᠯᠡᠬᠦᠯᠦᠨ ᠪᠠᠬᠢᠵᠢᠭᠦᠯᠪᠡ᠃ | ︵ᠵᠢᠷᠭᠤᠭ᠎ᠠ︶ ᠠᠷᠠᠳ ᠤᠨ ᠠᠮᠢᠳᠣᠷᠠᠯ ᠤᠨ ᠪᠠᠳᠣᠯᠠᠭ᠎ᠠ ᠨᠡᠩ ᠴᠢᠩᠭᠠᠳᠪᠠ᠃ ᠠᠷᠠᠳ ᠤᠨ ᠠᠮᠢᠳᠣᠷᠠᠯ ᠤᠨ ᠬᠠᠷᠠᠭᠠᠯᠵᠠᠯ ᠲᠤ 21.28 ᠳ᠋ᠦᠩᠰᠢᠭᠤᠷ | ᠲᠦᠬᠦᠷᠢᠭ ᠣᠷᠣᠭᠤᠯᠵᠣ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢᠨ 75% ᠶᠢ ᠡᠵᠡᠯᠡᠪᠠ᠃ ᠬᠤᠰᠢᠭᠤ ᠱᠠᠳᠣᠨ ᠤ ᠠᠷᠠᠳ ᠢ | ᠬᠠᠷᠭᠠᠯᠵᠠᠬᠤ 6 ᠪᠣᠳᠠᠳᠦ ᠣᠴᠢᠷ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠣ᠂ 7 ᠵᠣᠷᠪᠣᠰ 184 ᠺᠢᠯᠦᠮᠧᠲᠷ ᠭᠠᠴᠠᠭ᠎ᠠ ᠲᠣᠰᠬᠤᠨ ᠤ ᠵᠠᠮ ᠵᠠᠰᠠᠵᠣ᠂ ᠭᠠᠳᠠᠨ᠎ᠠ | ᠲᠣᠳᠣᠨ᠎ᠠ ᠶᠢ ᠬᠤᠯᠪᠣᠭᠰᠠᠨ ᠳᠤᠭᠤᠷᠢᠯ ᠵᠠᠮ ᠤᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠪᠠ︔ ᠫᠢᠩᠫᠠᠩ ᠪᠦᠮᠪᠦᠭᠡ ᠦᠳᠦᠨ ᠪᠦᠮᠪᠦᠭᠡ ᠶᠢᠨ ᠣᠷᠳᠣᠨ᠂ | ᠣᠮᠪᠠᠯᠳᠠ ᠶᠢᠨ ᠣᠷᠳᠣᠨ ᠤ ᠭᠤᠣᠯ ᠪᠠᠷᠢᠯᠭ᠎ᠠ ᠲᠠᠭᠤᠰᠴᠦ᠂ ᠠᠬᠠᠮᠠᠳ ᠺᠠᠳ᠋ᠷ ᠤᠨ ᠠᠵᠢᠯᠯᠠᠭᠠᠨ ᠤ ᠲᠦᠪ᠂ ᠭᠡᠷ ᠤᠨ ᠭᠠᠳᠠᠨᠠᠬᠢ ᠲᠠᠮᠢᠷ ᠤᠨ ᠲᠠᠯᠠᠪᠣᠷ ᠠᠰᠢᠭᠯᠠᠯᠳᠠ | ᠳᠤ ᠣᠷᠣᠪᠠ᠃ ᠣᠯᠵᠠᠴᠢ ᠪᠠᠯᠭᠠᠰᠣᠨ ᠳᠤ 4 ᠵᠠᠮ ᠤᠨ ᠨᠡᠶᠢᠳᠡ ᠶᠢᠨ ᠮᠠᠰᠢᠨ ᠨᠡᠪᠳᠡᠷᠡᠪᠡ︔ ᠪᠦᠬᠦ ᠴᠡᠪᠡᠷᠯᠡᠭᠡ ᠶᠢᠨ ᠠᠵᠢᠯᠴᠢᠤᠨ᠂ ᠪᠠᠭᠰᠢ ᠠᠵᠢᠯᠳᠠᠤᠨ ᠪᠣᠯᠣᠨ | ᠠᠵᠢᠯ ᠠᠴᠠ ᠠᠮᠠᠷᠠᠭᠰᠠᠨ ᠪᠠᠭᠰᠢ ᠨᠠᠷ ᠲᠤ ᠲᠦᠯᠦᠪᠦᠷᠢ ᠦᠭᠡᠢ ᠪᠡᠶ᠎ᠡ ᠶᠢᠨ ᠪᠠᠶᠢᠴᠠᠭᠠᠯᠳᠠ ᠬᠢᠵᠣ᠂ ᠴᠡᠪᠡᠷᠯᠡᠭᠡ ᠶᠢᠨ ᠠᠵᠢᠯᠴᠢᠤᠨ ᠲᠤ ᠦᠷᠯᠦᠭᠡᠨ ᠤ ᠬᠤᠭᠤᠯᠠᠨ ᠤ | ᠨᠦᠬᠦᠪᠦᠷᠢ ᠣᠯᠭᠤᠨ᠂ ᠵᠠᠰᠠᠭ ᠤᠨ ᠣᠷᠳᠣᠨ ᠠᠴᠠ ᠬᠡᠨᠡᠳᠡᠯ ᠤᠨ ᠲᠠᠭᠠᠳᠬᠠᠯ ᠢ ᠨᠢ ᠤᠷᠤᠯᠠᠨ ᠲᠣᠰᠢᠶᠠᠪᠠ︔ ᠡᠷᠡᠬᠦᠯ ᠬᠠᠮᠠᠭᠠᠯᠠᠯ ᠤᠨ ᠬᠤᠷᠢᠶᠠᠨ ᠠᠴᠠ 10 | ᠺᠢᠯᠦᠮᠧᠲᠷ ᠵᠠᠶᠢᠳᠠᠢ ᠰᠠᠭᠤᠷᠢᠰᠢᠭᠰᠡᠨ 45 ᠨᠠᠰᠦᠨ ᠠᠴᠠ ᠲᠡᠭᠡᠭᠰᠢᠬᠢ ᠮᠠᠯᠴᠢᠨ ᠲᠠᠷᠢᠶᠠᠴᠢᠨ ᠡᠷᠦᠬᠡ ᠳᠤ 7000 ᠪᠠᠴᠢᠮ ᠲᠣᠰᠠᠯᠠᠮᠵᠢ ᠶᠢᠨ ︽ᠡᠮ ᠤᠨ | ᠬᠠᠶᠢᠷᠴᠠᠭ︾ ᠲᠠᠷᠬᠠᠭᠠᠪᠠ︔ ᠲᠣᠰᠣᠯᠭᠠᠨ ᠣᠰᠣᠯᠠᠬᠤ ᠲᠠᠯᠠᠪᠡᠢ ᠶᠢ 25 ᠲᠦᠮᠡᠨ ᠮᠣ᠋ ᠬᠦᠷᠬᠡᠵᠣ᠂ ᠠᠷᠪᠢᠳᠠᠢ ᠣᠰᠣᠯᠠᠯᠳᠠ ᠶᠢᠨ ᠨᠣᠷᠮ᠎ᠠ ᠶᠢ 90% ᠠᠴᠠ | ᠳᠠᠪᠠᠭᠤᠯᠤᠨ᠂ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠤᠨ ᠨᠡᠮᠡᠭᠳᠡᠯ᠂ ᠮᠠᠯᠴᠢᠨ ᠳᠠᠷᠢᠶᠠᠴᠢᠨ ᠤ ᠤᠷᠤᠯᠭ᠎ᠠ ᠶᠢᠨ ᠨᠡᠮᠡᠭᠳᠡᠯ ᠢ ᠠᠬᠢᠭᠤᠯᠪᠠ᠃ ᠦᠪᠡᠷᠳᠡᠭᠡᠨ ᠵᠠᠰᠠᠬᠤ | ᠣᠷᠣᠨ ᠤ ︽ᠭᠤᠷᠪᠠᠨ ᠨᠢᠭᠡ︾ ᠠᠷᠠᠳ ᠢ ᠬᠠᠷᠭᠠᠯᠵᠠᠬᠤ ᠢᠨᠵᠧᠨᠧᠷᠢᠩ ᠢ ᠪᠦᠬᠦ ᠲᠠᠯ᠎ᠠ ᠪᠠᠷ ᠨᠠᠶᠢᠳᠡᠪᠦᠵᠢᠷᠢᠭᠤᠯᠵᠣ᠂ ᠠᠵᠢᠯ ᠦᠭᠡᠢ ᠭᠡᠷ ᠪᠦᠯᠢ ᠶᠢᠨ ᠬᠢᠨ ᠤ | ᠠᠳᠠᠭ ᠲᠠᠭᠠᠨ 1 ᠬᠦᠮᠦᠨ ᠳᠤ ᠨᠢ ᠲᠣᠭᠳᠠᠪᠦᠷᠢ ᠲᠠᠢ ᠠᠵᠢᠯ ᠣᠯᠭᠤᠵᠣ᠂ ᠬᠤᠳᠠ ᠬᠦᠳᠡᠭᠡ ᠶᠢᠨ ᠲᠣᠣᠷ᠎ᠠ ᠪᠠᠳᠣᠯᠠᠭᠠᠳᠦ ᠭᠡᠷ ᠪᠦᠯᠢ ᠶᠢᠨ 199 ᠣᠶᠣᠳᠠᠳ ᠲᠤ | 460.3 ᠲᠦᠮᠡᠨ ᠲᠦᠭᠦᠷᠢᠭ ᠤᠨ ᠰᠣᠷᠣᠯᠭ᠎ᠠ ᠶᠢᠨ ᠨᠦᠬᠦᠪᠦᠷᠢ ᠣᠯᠭᠤᠵᠣ᠂ 7822 ᠲᠣᠣᠷ᠎ᠠ ᠣᠷᠣᠯᠭ᠎ᠠ ᠲᠠᠢ ᠮᠠᠯᠴᠢᠨ ᠲᠠᠷᠢᠶᠠᠴᠢᠨ ᠡᠷᠦᠬᠡ ᠲᠣᠳᠣᠮ ᠳᠤ 1 | ᠲᠣᠨ ᠲᠣᠯᠠᠭᠠᠯᠭ᠎ᠠ ᠶᠢᠨ ᠨᠡᠭᠦᠷᠡᠰᠦ ᠬᠠᠩᠭᠠᠪᠠ᠃ ᠨᠡᠶᠢᠭᠡᠮ ᠤᠨ ᠪᠠᠳᠣᠯᠠᠭ᠎ᠠ ᠶᠢᠨ ᠲᠦᠪᠰᠢᠨ ᠦᠷᠭᠦᠯᠵᠢᠯᠡᠨ ᠲᠡᠭᠡᠭᠰᠢᠯᠡᠵᠣ᠂ ᠠᠵᠤ ᠠᠬᠤᠶᠢᠯᠠᠯ ᠤᠨ ᠠᠵᠢᠯ ᠠᠴᠠ | ᠠᠮᠠᠷᠠᠭᠰᠠᠤᠨ ᠤᠨ ᠨᠠᠰᠤᠵᠢᠯ ᠤᠨ ᠮᠦᠩᠬᠦ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠦᠩᠬᠦ ᠶᠢ ᠬᠦᠮᠤᠨ ᠳᠤᠳᠤᠮ ᠰᠠᠷ᠎ᠠ ᠪᠦᠷᠢ 194 | ᠲᠦᠬᠦᠷᠢᠭ ᠪᠠ 25 ᠲᠦᠬᠦᠷᠢᠭ ᠳᠡᠬᠡᠭᠰᠢᠯᠡᠬᠦᠯᠵᠤ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠤᠨ ᠳᠤᠳᠤᠮ ᠰᠠᠷ᠎ᠠ ᠪᠦᠷᠢ 15 | ᠲᠦᠬᠦᠷᠢᠭ ᠪᠠ 12 ᠲᠦᠬᠦᠷᠢᠭ ᠳᠡᠬᠡᠭᠰᠢᠯᠡᠬᠦᠯᠵᠤ᠂ ᠲᠠᠪᠣᠨ ᠪᠠᠳᠣᠯᠠᠭᠠᠳᠦ ᠡᠳᠡᠭᠡᠳ ᠤᠨ ᠲᠠᠷᠬᠠᠢ ᠠᠰᠠᠷᠠᠬᠤ ᠪᠠᠷᠢᠮᠵᠢᠶ᠎ᠠ ᠶᠢ ᠪᠦᠬᠦ ᠬᠤᠳᠠ ᠶᠢᠨ ᠬᠢᠨ ᠠᠴᠠ | 1032 ᠲᠦᠬᠦᠷᠢᠭ ᠲᠠᠪᠠᠭᠤᠯᠪᠠ᠃ 1 ᠳ᠋ᠦᠩᠰᠢᠭᠤᠷ ᠲᠦᠬᠦᠷᠢᠭ ᠤᠨ ᠶᠠᠳᠠᠭᠤ ᠠᠴᠠ ᠠᠩᠭᠢᠵᠢᠷᠠᠭᠤᠯᠬᠤ ᠵᠢᠭᠡᠯᠡᠯᠭᠡ ᠲᠠᠯᠪᠢᠵᠣ᠂ ᠡᠳ᠋ ᠤᠨ ᠵᠠᠰᠠᠭ ᠠᠴᠠ 1006 | ᠲᠦᠮᠡᠨ ᠲᠦᠬᠦᠷᠢᠭ ᠤᠨ ᠪᠡᠯᠡ ᠣᠷᠣᠭᠤᠯᠵᠣ᠂ 736 ᠡᠷᠦᠬᠡ ᠤᠨ 2456 ᠬᠦᠮᠦᠨ ᠢ ᠶᠠᠳᠠᠭᠤ ᠠᠴᠠ ᠠᠩᠭᠢᠵᠢᠷᠠᠭᠤᠯᠪᠠ᠃ ᠬᠤᠳᠠ ᠪᠠᠯᠭᠠᠰᠤᠨ ᠤ 1160 | ᠬᠦᠮᠦᠨ ᠳᠤ ᠰᠢᠨ᠎ᠡ ᠪᠠᠷ ᠠᠵᠢᠯ ᠣᠯᠭᠤᠵᠣ᠂ ᠬᠤᠳᠠ ᠪᠠᠯᠭᠠᠰᠤᠨ ᠤ ᠳᠡᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ 2.37% ᠪᠣᠯᠪᠠ᠃ 2516 ᠲᠦᠭᠦᠷ | ᠪᠠᠳᠣᠯᠠᠭ᠎ᠠ ᠶᠢᠨ ᠴᠢᠨᠠᠷᠳᠢ ᠣᠷᠣᠨ ᠰᠠᠭᠤᠴᠠ ᠶᠢᠨ ᠪᠠᠷᠢᠯᠭ᠎ᠠ ᠶᠢ ᠡᠬᠢᠯᠡᠬᠦᠯᠤᠨ᠂ 1357 ᠬᠠᠭᠤᠴᠢᠨ ᠬᠡᠷ ᠪᠠᠶᠢᠰᠢᠩ ᠢ ᠦᠬᠡᠷᠡᠴᠢᠯᠠᠪᠠ᠃ ᠨᠡᠶᠢᠭᠡᠮ ᠤᠨ ᠠᠵᠣ | ᠣᠶᠢᠯᠠᠰ ᠪᠦᠬᠦ ᠲᠠᠯ᠎ᠠ ᠪᠠᠷ ᠬᠦᠭᠵᠢᠵᠣ᠂ ᠰᠣᠷᠭᠠᠭᠤᠯᠢ ᠶᠢᠨ ᠵᠠᠬᠢᠷᠣᠯ ᠣᠷᠢᠨ ᠬᠡᠷᠡᠭᠯᠡᠬᠦ ᠰᠢᠨ᠎ᠠ ᠡᠭᠡᠯᠵᠢ ᠶᠢᠨ ᠦᠷᠢᠰᠤᠯᠳᠤᠬᠡᠨ ᠢ ᠪᠡᠶᠡᠯᠡᠭᠦᠯᠵᠣ᠂ ᠬᠤᠰᠢᠭᠤ ᠲᠡᠰ | ᠤᠨ ᠨᠡᠷᠡᠳᠦ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠣᠨ 2940 ᠲᠦᠮᠡᠨ ᠲᠦᠬᠦᠷᠢᠭ ᠤᠨ ᠪᠡᠯᠡ ᠣᠷᠣᠭᠤᠯᠣᠨ ᠵᠢᠭᠠᠨ ᠰᠣᠷᠭᠠᠯᠳᠠ ᠶᠢᠨ ᠲᠦᠬᠦᠭᠡᠷᠦᠮᠵᠢ ᠶᠢ | ᠰᠠᠶᠢᠵᠢᠷᠠᠭᠤᠯᠵᠣ᠂ ᠡᠯ᠎ᠡ ᠲᠣᠰᠬᠠᠢ ᠮᠡᠷᠭᠡᠵᠢᠯ ᠤᠨ 101 ᠪᠠᠭᠰᠢ ᠶᠢ ᠡᠯᠰᠡᠨ ᠬᠡᠷᠡᠭᠯᠡᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠭᠦᠷᠢᠳᠦ | ᠬᠦᠭᠵᠢᠯᠳᠠ ᠣᠯᠣᠰ ᠤᠨ ᠦᠨᠡᠯᠡᠯᠳᠠ ᠪᠠᠷ ᠮᠡᠳᠡᠷᠡᠭᠳᠡᠪᠡ᠃ ᠲᠠᠬᠢᠯᠳᠦ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠠᠰᠢᠭᠯᠠᠯᠳᠠ ᠳᠤ ᠣᠷᠣᠵᠣ᠂ ᠪᠣᠷᠣᠪᠠᠯᠭᠠᠰᠣ ᠶᠢᠨ | ᠡᠷᠡᠬᠦᠯ ᠬᠠᠮᠠᠯᠭᠠᠯᠠᠯ ᠤᠨ ᠬᠤᠷᠢᠶ᠎ᠠ ᠶᠢᠨ ᠭᠤᠣᠯ ᠪᠠᠷᠢᠯᠭ᠎ᠠ ᠶᠢ ᠲᠠᠭᠤᠰᠬᠠᠨ᠂ ᠡᠷᠡᠬᠦᠯ ᠬᠠᠮᠠᠭᠠᠯᠠᠯ ᠤᠨ ᠨᠡᠭᠦᠳᠡᠯ ᠣᠶᠢᠯᠡᠴᠢᠯᠡᠭᠡᠨ ᠤ ᠲᠡᠷᠬᠡ ᠶᠢ 8 ᠲᠣᠬᠢᠷᠠᠭᠤᠯᠵᠣ᠂ | ᠬᠤᠳᠠ ᠬᠦᠳᠡᠭᠡ ᠶᠢᠨ ᠡᠮ ᠡᠮᠨᠡᠯᠭᠡ ᠶᠢᠨ ᠣᠶᠢᠯᠡᠴᠢᠯᠡᠭᠡ ᠶᠢ ᠰᠠᠶᠢᠵᠢᠷᠠᠭᠤᠯᠪᠠ᠃ ᠨᠣᠮ ᠤᠨ ᠰᠠᠩ᠂ ᠰᠣᠶᠣᠯ ᠤᠨ ᠣᠷᠳᠣᠨ ᠠᠰᠢᠭᠯᠠᠯᠳᠠ ᠳᠤ ᠣᠷᠣᠵᠣ᠂ | ᠭᠠᠴᠠᠭ᠎ᠠ ᠲᠤᠰᠬᠤᠨ ᠤ ᠰᠤᠶᠤᠯ ᠤᠨ ᠥᠷᠥᠭᠡ ᠪᠤᠯᠤᠨ ᠭᠠᠴᠠᠭ᠎ᠠ ᠲᠤᠰᠬᠤᠨ ᠪᠤᠯᠭᠠᠨ ᠳᠤ ᠷᠠᠳᠢᠤ᠋ ᠬᠤᠯᠪᠤᠭ᠎ᠠ ᠨᠡᠪᠳᠡᠷᠭᠦᠯᠭᠦ ᠠᠵᠢᠯ ᠢ ᠪᠥᠷᠢᠨ ᠪᠡᠶᠡᠯᠡᠭᠦᠯᠵᠥ᠂ | 14600 ᠡᠷᠥᠭᠡ ᠳᠤ ᠲᠧᠯᠸᠢᠰ ᠲᠤᠬᠢᠶᠠᠨ ᠲᠥᠭᠦᠭᠡᠷᠤᠮᠵᠢ ᠤᠭᠰᠠᠷᠠᠨ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠲᠠᠰᠤᠷᠠᠯᠳᠠ ᠥᠭᠡᠢ ᠲᠡᠭᠦᠯᠳᠡᠷᠵᠢᠭᠦᠯᠵᠥ᠂ | ᠮᠠᠨ ᠤ ᠬᠤᠰᠢᠭᠤ ︽ᠲᠣᠮᠳᠠᠳᠦ ᠣᠯᠣᠰ ᠤᠨ ᠮᠣᠩᠭᠤᠯ ᠦᠨᠳᠦᠰᠦᠳᠡᠨ ᠤ ᠰᠠᠪᠬᠠᠨ ᠪᠦᠵᠢᠭ ᠤᠨ ᠣᠷᠠᠯᠢᠭ ᠤᠨ ᠦᠯᠦᠭᠡᠢ︾ ᠪᠠ ︽ᠲᠣᠮᠳᠠᠳᠦ ᠣᠯᠣᠰ ᠤᠨ | ᠮᠣᠩᠭᠤᠯ ᠦᠨᠳᠦᠰᠦᠳᠡᠨ ᠤ ᠱᠠᠨᠵᠠ ᠬᠦᠭᠵᠢᠮ ᠤᠨ ᠰᠣᠶᠣᠯ ᠤᠨ ᠦᠯᠦᠭᠡᠢ︾ ᠪᠠᠷ ᠨᠡᠷᠡᠶᠢᠳᠦᠭᠳᠡᠪᠠ᠃ | ︵ᠲᠣᠯᠤᠭ᠎ᠠ︶ ᠦᠭᠡᠷᠡᠴᠢᠯᠡᠯᠳᠠ ᠰᠢᠨᠠᠴᠢᠯᠠᠯᠳᠠ ᠶᠢᠨ ᠡᠷᠴᠢᠮ ᠴᠢᠩᠭᠠᠷᠠᠪᠠ᠃ ᠪᠦᠬᠦ ᠬᠤᠳᠠ ᠳᠤ ᠪᠠᠨ ᠲᠡᠷᠢᠭᠦᠯᠡᠨ ᠵᠠᠰᠠᠭ ᠵᠠᠬᠢᠷᠭᠠᠨ ᠤ ᠡᠷᠬᠡ ᠶᠢᠨ ᠲᠠᠩᠰᠠ | ᠶᠢ ᠨᠡᠶᠢᠳᠡᠯᠡᠵᠣ᠂ ︽ᠭᠤᠷᠪᠠᠨ ᠦᠨᠡᠮᠡᠯᠡᠯ ᠢ ᠨᠢᠬᠡᠤᠨᠬᠡᠵᠤ᠂ ᠨᠢᠭᠡ ᠦᠨᠡᠮᠯᠡᠯ ᠨᠢᠭᠡ ᠳ᠋ᠣᠭᠠᠷᠯᠠᠯ ᠪᠤᠯᠭᠠᠬᠤ︾ ᠲᠠᠩᠰᠠᠯᠠᠯᠳᠠ ᠶᠢᠨ ᠲᠦᠷᠢᠮ ᠢ ᠬᠡᠷᠡᠭᠵᠢᠭᠦᠯᠵᠣ᠂ ᠵᠠᠬ᠎ᠠ | ᠲᠡᠯᠭᠡᠭᠦᠷ ᠤᠨ ᠠᠮᠢᠳᠣᠯᠢᠭ ᠬᠦᠴᠦᠨ ᠢ ᠪᠦᠬᠦ ᠲᠠᠯ᠎ᠠ ᠪᠠᠷ ᠲᠠᠶᠢᠴᠢᠯᠠᠨ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢ 1319 ᠡᠷᠦᠬᠡ ᠨᠡᠮᠡᠭᠳᠡᠬᠦᠯᠵᠣ᠂ | ᠲᠠᠩᠰᠠᠯᠠᠭᠰᠠᠨ ᠪᠡᠯᠡ ᠮᠥᠩᠭᠦ ᠶᠢ 12.1 ᠳ᠋ᠦᠩᠰᠢᠭᠤᠷ ᠲᠦᠬᠦᠷᠢᠭ ᠨᠡᠮᠡᠭᠳᠡᠬᠦᠯᠦᠨ᠂ ︽ᠲᠠᠶᠠᠭᠠᠷ ᠣᠯᠠᠨ ᠤ ᠣᠶᠢᠯᠠᠰ ᠪᠦᠳᠦᠭᠡᠯᠳᠠ᠂ ᠲᠦᠮᠡᠨ ᠣᠯᠠᠨ ᠤ ᠰᠢᠨ᠎ᠡ | ᠶᠢ ᠡᠭᠦᠳᠦᠯᠳᠠ︾ ᠠᠩᠬ᠎ᠠ ᠠᠯᠬᠤᠮ ᠠᠮᠵᠢᠯᠳᠠ ᠣᠯᠪᠠ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠦᠬᠡᠷᠡᠴᠢᠯᠠᠯᠳᠠ ᠪᠣᠳᠠᠳᠠᠢ ᠠᠬᠢᠵᠣ᠂ ᠪᠠᠷᠠᠭᠤᠨ ᠣᠷᠣᠨ | ᠤ ᠰᠢᠶᠠᠨ ᠤ ᠳᠡᠰ ᠤᠨ ᠭᠠᠵᠠᠷ ᠤᠷᠤᠨ ᠳᠤ ᠣᠰᠣ᠂ ᠨᠣᠳᠤᠭ ᠪᠡᠯᠴᠢᠭᠡᠷ᠂ ᠣᠢ᠂ ᠠᠮᠢᠳᠤ ᠪᠣᠳᠠᠰ ᠵᠡᠷᠭᠡ 6 ᠲᠦᠷᠦᠯ ᠤᠨ ᠪᠠᠶᠢᠭᠠᠯᠢ ᠶᠢᠨ ᠡᠬᠢ ᠰᠣᠷᠪᠣᠯᠵᠢ ᠶᠢᠨ | ᠬᠤᠷᠤᠭᠳᠠᠯ ᠤᠨ ᠬᠢᠨᠠᠯᠳᠠ ᠶᠢᠨ ᠳᠤᠭᠳᠠᠴᠠ ᠶᠢ ᠠᠩᠬᠠᠯᠠᠨ ᠪᠠᠶᠢᠭᠤᠯᠵᠤ᠂ ᠣᠰᠣᠨ ᠶᠠᠪᠣᠳᠠᠯ᠂ ᠣᠢ ᠰᠢᠭᠤᠢ᠂ ᠮᠠᠯ ᠲᠠᠷᠢᠶᠠᠯᠠᠩ ᠵᠡᠷᠬᠡ ᠰᠠᠯᠠᠭ᠎ᠠ ᠮᠦᠴᠢᠷ ᠤᠨ | ᠭᠤᠣᠯ ᠬᠠᠷᠢᠭᠤᠴᠠᠯᠭᠠᠳᠠᠨ ᠳᠤ ᠬᠢᠨᠠᠨ ᠪᠣᠳᠣᠬᠤ ᠲᠣᠷᠰᠢᠯᠳᠠ ᠬᠢᠪᠠ᠃ ᠠᠯᠪᠠᠨ ᠡᠮᠨᠡᠯᠭᠡ ᠶᠢᠨ ᠬᠤᠷᠢᠶᠠᠨ ᠲᠠᠷᠤᠭ᠎ᠠ ᠰᠣᠩᠭᠤᠨ ᠣᠷᠢᠬᠤ᠂ ᠡᠮ ᠤᠨ ᠦᠨ᠎ᠡ ᠬᠠᠩᠰᠢ | ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠪᠡᠶᠡᠯᠡᠬᠦᠯᠵᠣ᠂ ᠠᠯᠪᠠᠨ ᠡᠮᠨᠡᠯᠭᠡ ᠶᠢᠨ ᠦᠭᠡᠷᠡᠴᠢᠯᠡᠯᠳᠠ ᠶᠢᠨ ᠶᠡᠷᠦᠩᠬᠡᠶᠢᠯᠡᠭᠰᠡᠨ ᠦᠨᠡᠯᠡᠯᠳᠠ ᠳᠤ ᠦᠪᠡᠷᠳᠡᠭᠡᠨ ᠵᠠᠰᠠᠬᠤ | ᠣᠷᠣᠨ ᠤ 25 ᠲᠣᠷᠰᠢᠯᠳᠠ ᠶᠢᠨ ᠣᠷᠣᠨ ᠳᠤ ᠪᠠᠨ ᠬᠤᠶᠠᠳᠦᠭᠠᠷ ᠲᠤ ᠣᠷᠣᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠦᠨᠡᠮᠯᠡᠯ | ᠲᠠᠷᠬᠠᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠣ᠂ ᠠᠵᠢᠯ ᠤᠨ ᠲᠣᠷᠰᠢᠯᠭ᠎ᠠ ᠶᠢ ᠪᠦᠬᠦ ᠣᠷᠣᠨ ᠳᠤ ᠲᠡᠯᠭᠡᠷᠡᠬᠦᠯᠪᠠ᠃ 98% ᠠᠴᠠ ᠲᠡᠭᠡᠭᠰᠢᠬᠢ ᠨᠣᠲᠤᠭ | ᠪᠡᠯᠴᠢᠬᠡᠷ ᠤᠨ ᠡᠷᠬᠡ ᠶᠢ ᠲᠣᠳᠣᠷᠬᠠᠶᠢᠯᠠᠵᠣ᠂ ᠨᠣᠲᠤᠭ ᠪᠡᠯᠴᠢᠬᠡᠷ ᠤᠨ ᠡᠷᠬᠡ ᠶᠢ ᠲᠣᠳᠣᠷᠬᠠᠶᠢᠯᠠᠬᠤ ᠠᠵᠢᠯ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠣᠷᠣᠪᠠ᠃ | ᠣᠰᠣᠨ ᠡᠷᠬᠡ ᠶᠢᠨ ᠲᠦᠷᠢᠮ ᠤᠨ ᠦᠭᠡᠷᠡᠴᠢᠯᠡᠯᠳᠠ ᠰᠢᠪᠳᠣᠯᠣᠯᠳᠠ ᠲᠠᠢ ᠪᠣᠯᠵᠣ᠂ ᠣᠰᠣᠨ ᠠᠰᠢᠭᠯᠠᠯᠳᠠ ᠶᠢᠨ ᠲᠦᠬᠦᠭᠡᠷᠦᠮᠵᠢ ᠶᠢᠨ ᠦᠮᠴᠢᠯᠡᠯ ᠤᠨ ᠦᠨᠡᠮᠯᠡᠯ | ᠲᠠᠷᠬᠠᠭᠠᠬᠤ ᠪᠠ ᠲᠦᠷᠪᠠᠨ ᠱᠠᠳᠣ ᠪᠠᠷ ᠬᠤᠪᠢᠶᠠᠨ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠪᠡ᠃ ᠦᠯᠦ ᠬᠦᠳᠡᠯᠬᠦ ᠬᠦᠷᠦᠩᠭᠡᠲ᠋ᠠᠩᠰᠠᠯᠠᠬᠤ ᠠᠵᠢᠯ ᠢ ᠪᠦᠬᠦ | ᠲᠠᠯ᠎ᠠ ᠪᠠᠷ ᠦᠷᠨᠢᠭᠦᠯᠪᠡ᠃ ᠣᠷᠣᠨ ᠲᠣᠭᠤᠷᠢᠭ ᠤᠨ ᠬᠠᠮᠳᠣᠷᠠᠯᠴᠠᠭ᠎ᠠ ᠭᠦᠨᠵᠡᠭᠡᠶᠢᠷᠡᠵᠣ᠂ ᠬᠤᠰᠢᠭᠤ ᠡᠮᠨᠡᠯᠭᠡ ᠶᠢᠨ ᠬᠤᠷᠢᠶ᠎ᠠ ᠶᠢ ᠨᠢᠩᠰᠢᠶ᠋ᠨ ᠶᠢᠨ ᠡᠮᠨᠡᠯᠭᠡ ᠶᠢᠨ | ᠲᠡᠭᠡᠳᠦ ᠰᠣᠷᠭᠠᠭᠤᠯᠢ ᠶᠢᠨ ᠶᠡᠷᠦᠩᠬᠡᠢ ᠡᠮᠨᠡᠯᠭᠡ ᠶᠢᠨ ᠪᠦᠯᠦᠭᠯᠡᠯ ᠳᠤ ᠠᠮᠵᠢᠯᠳᠠ ᠲᠠᠢ ᠣᠷᠣᠭᠤᠯᠵᠣ᠂ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠮᠤᠩᠭᠤᠯ ᠤᠨ | ᠦᠨᠳᠦᠷᠯᠢᠭ ᠤᠨ ᠨᠤᠤᠯᠤᠭᠤᠷ ᠤᠨ ᠢᠮᠠᠭ᠎ᠠ ᠶᠢ ᠠᠮᠢ ᠠᠬᠤᠶᠢᠴᠢ ᠠᠷᠠᠴᠢᠯᠠᠬᠤ ᠰᠤᠳᠤᠯᠭᠠᠨ ᠤ ᠤᠯᠤᠰ ᠠᠯᠤᠰᠯᠠᠭᠰᠡᠨ ᠠᠺᠠᠳᠧᠮᠢᠴᠢ ᠴᠢᠳᠠᠪᠤᠷᠢᠳᠠᠨ ᠤ ᠠᠵᠢᠯ ᠤᠨ | ᠦᠷᠳᠡᠭᠡ ᠪᠠᠶᠢᠭᠤᠯᠪᠠ᠃ ᠦᠪᠡᠷᠳᠡᠬᠡᠨ ᠵᠠᠰᠠᠬᠤ ᠤᠷᠤᠨ ᠤ ᠳᠤᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠵᠤ᠂ ᠳᠤᠭᠤᠷᠢᠨ ᠪᠠᠶᠢᠴᠠᠭᠠᠯᠳᠠ ᠪᠠᠷ ᠢᠯᠡᠷᠡᠬᠦᠯᠦᠭᠰᠡᠨ | ᠠᠰᠠᠭᠤᠳᠠᠯ ᠢ ᠰᠢᠢᠤᠨᠪᠤᠷᠢᠯᠡᠵᠤ᠂ ᠠᠵᠢᠯ ᠢᠶᠠᠨ ᠠᠬᠢᠭᠤᠯᠤᠨ᠂ ᠴᠡᠭᠴᠡᠯᠡᠯᠳᠠ ᠶᠢᠨ ᠪᠦᠳᠤᠮᠵᠢ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ | ᠶᠢᠨ ᠨᠤᠳᠠᠯᠠᠯᠳᠠ ᠶᠢ ᠤᠯᠪᠠ᠃ | ︵ᠨᠠᠢᠮᠠ︶ ᠨᠡᠶᠢᠭᠡᠮ ᠤᠨ ᠪᠠᠶᠢᠭᠤᠯᠣᠯᠳᠠ ᠡᠶ᠎ᠡ ᠵᠣᠬᠢᠴᠠᠩᠭᠤᠢ ᠠᠬᠢᠪᠠ᠃ ︽ᠦᠭᠬᠢᠶᠡᠮᠦᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ | ᠡᠮᠦᠨᠡᠳᠦ ᠣᠳᠤᠭ︾ ᠨᠠᠶᠢᠭᠡᠮ ᠤᠨ ᠵᠠᠰᠠᠯᠳᠠ ᠶᠢᠨ ᠢᠨᠵᠧᠨᠧᠷᠢᠩ ᠢ ᠬᠡᠷᠡᠭᠵᠢᠭᠦᠯᠵᠣ ᠬᠤᠰᠢᠭᠤ ᠪᠠᠯᠭᠠᠰᠦ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ | ᠲᠦᠷᠪᠡᠨ ᠱᠠᠳᠣ ᠬᠤᠯᠪᠣᠭᠠᠯᠠᠭᠰᠠᠨ︾ ᠲᠣᠣᠷᠵᠢᠯ ᠬᠠᠮᠢᠶᠠᠷᠤᠯᠳᠠ ᠶᠢᠨ ᠰᠢᠰᠲ᠋ᠧᠮ ᠢ ᠪᠦᠷᠢᠯᠳᠦᠬᠦᠯᠵᠣ᠂ ᠦᠨᠳᠦᠰᠦᠨ ᠱᠠᠳᠣᠨ ᠤ ᠦᠪᠡᠷ ᠢ ᠪᠠᠨ ᠬᠠᠮᠢᠶᠠᠷᠬᠤ᠂ | ᠬᠦᠮᠦᠵᠢᠬᠦᠯᠬᠦ᠂ ᠣᠶᠢᠯᠠᠴᠢᠯᠡᠭᠦ ᠲᠦᠪᠰᠢᠨ ᠢ ᠲᠡᠭᠡᠭᠰᠢᠯᠡᠬᠦᠯᠪᠠ᠃ ︽ᠪᠦᠬᠦ ᠣᠯᠣᠰ ᠤᠨ ᠠᠷᠪᠠᠳᠦᠭᠠᠷ ᠬᠤᠭᠤᠴᠠᠭᠠᠨ ᠤ ᠴᠦᠭᠡᠨ ᠲᠣᠭᠠᠳᠦ ᠦᠨᠳᠦᠰᠦᠳᠡᠨ ᠤ | ᠣᠯᠠᠮᠵᠢᠯᠠᠯᠳᠦ ᠲᠠᠮᠢᠷ ᠤᠨ ᠴᠣᠭᠯᠠᠭᠠᠨ ᠤ ᠭᠠᠯ ᠤᠨ ᠴᠤᠭ ᠠᠪᠬᠤ ᠶᠣᠰᠣᠯᠠᠯ︾ ᠢ ᠠᠮᠵᠢᠯᠳᠠ ᠲᠠᠢ ᠡᠷᠬᠢᠯᠡᠵᠣ᠂ ᠮᠠᠨ ᠬᠤᠰᠢᠭᠤᠨ ᠤ ᠦᠨᠳᠦᠰᠦᠳᠡᠨ ᠨᠦᠭᠦᠳ | ᠪᠦᠯᠬᠦᠮᠳᠡᠯ ᠲᠠᠢ᠂ ᠵᠠᠰᠠᠭ ᠡᠶᠡᠪᠡᠷᠭᠦᠣ ᠬᠦᠮᠦᠨ ᠨᠠᠶᠢᠷᠠᠮᠳᠠᠭᠤ᠂ ᠠᠵᠣ ᠠᠬᠤᠢ ᠬᠦᠭᠵᠢᠯᠳᠠ ᠲᠠᠢ ᠡᠶ᠎ᠡ ᠵᠣᠬᠢᠴᠠᠩᠭᠤᠢ ᠬᠡᠪ ᠪᠠᠶᠢᠳᠠᠯ ᠢ ᠢᠯᠡᠷᠡᠭᠦᠯᠪᠡ᠃ ᠨᠡᠶᠢᠭᠡᠮ ᠤᠨ | ᠠᠮᠦᠷ ᠲᠣᠭᠳᠠᠭᠤᠨ ᠤ ᠪᠡᠶᠡᠳᠦ ᠡᠵᠡᠮᠰᠢᠯ ᠤᠨ ᠰᠢᠰᠲ᠋ᠧᠮ᠂ ᠢᠨᠲ᠋ᠧᠷ ᠰᠦᠯᠵᠢᠶᠡᠨ ᠤ ᠬᠢᠨᠠᠯᠳᠠ ᠬᠠᠮᠢᠶᠠᠷᠣᠯᠳᠠ ᠶᠢᠨ ᠰᠢᠰᠲ᠋ᠧᠮ ᠤᠨ ᠪᠠᠶᠢᠭᠤᠯᠣᠯᠳᠠ ᠶᠢ ᠯᠠᠪᠳᠠᠭᠤᠨ | ᠠᠬᠢᠭᠤᠯᠵᠣ᠂ ᠭᠡᠷᠡᠭ ᠡᠪᠳᠡᠭᠰᠡᠨ ᠨᠣᠷᠮ᠎ᠠ ᠪᠦᠬᠦ ᠬᠤᠳᠠ ᠶᠢᠨ ᠲᠣᠮᠳᠠᠴᠢ ᠲᠦᠪᠰᠢᠨ ᠠᠴᠠ ᠦᠨᠳᠦᠷ ᠪᠣᠯᠵᠣ᠂ ᠪᠦᠯᠦᠭᠴᠢ ᠭᠡᠷᠡᠭ᠂ ᠣᠷᠣᠯᠴᠠᠭᠰᠠᠳ ᠤᠨ ᠲᠤᠭ᠎ᠠ | ᠪᠣᠯᠣᠨ ᠵᠥᠷᠢᠴᠡᠯ ᠵᠢᠭᠤᠷᠭᠠᠨ ᠤ ᠬᠡᠮᠵᠢᠶ᠎ᠠ ᠠᠳᠠᠯᠢ ᠬᠤᠭᠤᠴᠠᠭᠠᠨ ᠤ ᠬᠢ ᠠᠴᠠ 31.1%᠂ 40.2%᠂ 26.2% ᠪᠠᠭᠤᠷᠠᠪᠠ᠃ ᠦᠪᠡᠷᠳᠡᠬᠡᠨ ᠵᠠᠰᠠᠬᠤ | ᠤᠷᠤᠨ ᠤ ᠳᠤᠭ᠎ᠠ ᠪᠦᠷᠢᠤᠨᠬᠡᠯ ᠤᠨ ᠳᠤᠪᠴᠢᠶ᠎ᠠ ᠶᠢᠨ ᠠᠷᠠᠤᠨ ᠤᠨ ᠪᠠᠶᠢᠴᠠᠭᠠᠯᠳᠠ ᠶᠢᠨ ᠲᠦᠪ ᠤᠨ ᠪᠠᠶᠢᠴᠠᠭᠠᠯᠳᠠ ᠳᠤ ᠮᠠᠨ ᠤ ᠬᠤᠰᠢᠭᠤᠨ ᠤ ᠨᠠᠶᠢᠬᠡᠮ ᠤᠨ ᠠᠮᠤᠷ | ᠳᠤᠭᠳᠠᠭᠤᠨ ᠤ ᠬᠠᠨᠤᠮᠵᠢ ᠶᠢᠨ ᠪᠠᠶᠢᠳᠠᠯ 100% ᠪᠠᠷ ᠦᠨᠡᠯᠡᠭᠳᠡᠪᠠ᠃ ᠠᠶᠣᠯᠬᠦᠢ ᠣᠶᠢᠯᠠᠳᠪᠦᠷᠢᠯᠠᠯ᠂ ᠣᠷᠴᠢᠨ ᠬᠠᠮᠠᠭᠠᠯᠠᠯᠳᠠ᠂ ᠢᠳᠡᠭᠡᠨ ᠤ ᠠᠮᠦᠷ ᠲᠦᠪᠰᠢᠨ᠂ | ᠵᠠᠬᠢᠳᠠᠯ ᠰᠣᠷᠪᠣᠯᠵᠢᠯᠠᠭ᠎ᠠ᠂ ᠲᠣᠭᠳᠠᠭᠤᠨ ᠢ ᠬᠠᠮᠠᠭᠠᠯᠠᠬᠤ ᠠᠵᠢᠯ ᠢᠯᠡᠷᠬᠡᠢ ᠪᠦᠳᠦᠮᠵᠢᠳᠠᠢ ᠪᠣᠯᠵᠣ᠂ ᠣᠷᠴᠢᠨ ᠲᠣᠭᠤᠷᠢᠨ ᠤ 18 ᠲᠦᠷᠦᠯ ᠤᠨ ᠲᠣᠪᠣᠶᠢᠮ᠎ᠠ | ᠠᠰᠠᠭᠤᠳᠠᠯ ᠢ ᠴᠡᠭᠴᠡᠯᠡᠵᠣ᠂ ᠵᠠᠬᠢᠳᠠᠯ ᠰᠣᠷᠪᠣᠯᠵᠢᠯᠠᠭ᠎ᠠ ᠶᠢᠨ ᠪᠦᠯᠦᠭ ᠣᠳᠠᠭ᠎ᠠ ᠪᠠ ᠬᠦᠮᠦᠨ ᠣᠳᠠᠭ᠎ᠠ 37.2% ᠪᠠ 39.9% ᠪᠠᠭᠤᠷᠠᠵᠣ᠂ ᠨᠡᠶᠢᠭᠡᠮ ᠠᠮᠦᠷ | ᠲᠣᠭᠳᠠᠭᠤᠨ ᠡᠶ᠎ᠡ ᠵᠣᠬᠢᠴᠠᠩᠭᠤᠢ ᠪᠣᠯᠪᠠ᠃ | ᠲᠥᠯᠥᠭᠡᠯᠡᠭᠴᠢᠳ ᠡ᠂ 2015 ᠤᠨᠳᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠦᠷᠬᠦᠯᠵᠢᠯᠡᠨ ᠡᠷᠡᠬᠦᠯ ᠲᠣᠭᠳᠠᠭᠤᠨ ᠬᠦᠭᠵᠢᠵᠣ᠂ ︽ᠠᠷᠪᠠᠨ | ᠬᠤᠶᠠᠳᠦᠭᠠᠷ ᠲᠠᠪᠣᠨ ᠵᠢᠯ︾ ᠤᠨ ᠲᠦᠯᠦᠪᠵᠢᠭᠦᠯᠭᠡ ᠪᠠᠨ ᠠᠮᠵᠢᠯᠳᠠ ᠲᠠᠢ ᠪᠡᠶᠡᠯᠡᠭᠦᠯᠪᠡ᠃ ︽ᠠᠷᠪᠠᠨ ᠬᠤᠶᠠᠳᠦᠭᠠᠷ ᠲᠠᠪᠣᠨ ᠵᠢᠯ︾ ᠢᠶᠠᠨ ᠡᠷᠭᠡᠴᠡᠬᠦᠯᠪᠠᠯ᠂ ᠪᠢᠳᠠ | ᠬᠠᠳᠠᠭᠤ ᠰᠢᠯᠭᠠᠯᠳᠠ ᠶᠢ ᠬᠦᠯᠢᠶᠡᠵᠣ᠂ ᠬᠦᠴᠢᠷ ᠪᠡᠷᠬᠡ ᠶᠢ ᠢᠯᠠᠨ᠂ ᠴᠢᠬᠤᠯᠠ ᠶᠡᠭᠡ ᠠᠮᠵᠢᠯᠳᠠ ᠣᠯᠣᠭᠰᠠᠨ ᠪᠠᠶᠢᠨ᠎ᠠ᠃ ᠪᠦᠬᠦ ᠬᠤᠰᠢᠭᠤᠨ ᠤ ᠡᠯ᠎ᠡ ᠥᠨᠳᠥᠰᠥᠳᠡᠨ | ᠤ ᠣᠯᠠᠨ ᠲᠦᠮᠡᠨ ᠪᠦᠯᠬᠦᠮᠳᠠᠨ ᠲᠡᠮᠡᠴᠡᠵᠣ᠂ ᠠᠵᠣ ᠠᠬᠤᠢ ᠨᠡᠶᠢᠭᠡᠮ ᠤᠨ ᠬᠦᠭᠵᠢᠯᠳᠠ ᠶᠢ ᠰᠢᠨ᠎ᠠ ᠲᠡᠭᠳᠡᠷ ᠲᠤ ᠭᠠᠷᠭᠠᠨ᠂ ᠪᠦᠬᠦ ᠣᠷᠣᠨ ᠳᠤ ᠪᠠᠨ ᠣᠷᠢᠳᠡᠪᠡᠷ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠳᠤ ᠰᠠᠭᠤᠷᠢ ᠲᠠᠯᠪᠢᠭᠰᠠᠨ ᠪᠠᠶᠢᠨ᠎ᠠ᠃ | ᠲᠠᠪᠣᠨ ᠵᠢᠯ ᠤᠨ ᠲᠣᠷᠰᠢ᠂ ᠪᠢᠳᠠ ᠬᠦᠭᠵᠢᠯᠳᠠ ᠶᠢ ᠲᠡᠷᠢᠬᠦᠨ ᠴᠢᠬᠤᠯᠠ ᠪᠠᠶᠢᠷᠢᠨ ᠳᠤ ᠲᠠᠯᠪᠢᠵᠣ᠂ ᠠᠵᠣ ᠠᠬᠤᠢ ᠶᠢᠨ ᠲᠣᠭᠳᠠᠭᠤᠨ ᠮᠦᠷᠳᠡᠬᠡᠨ ᠲᠦᠷᠬᠡᠨ | ᠨᠡᠮᠡᠭᠳᠡᠯ ᠢ ᠪᠠᠶᠠᠯᠠᠭᠦᠯᠪᠠ᠃ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ ᠵᠢᠯ ᠲᠣᠳᠣᠮ 17.3% ᠨᠡᠮᠡᠭᠳᠡᠵᠣ᠂ ᠲᠠᠪᠣᠨ ᠵᠢᠯ ᠨᠡᠶᠢᠳᠡ 535 | ᠳ᠋ᠦᠩᠰᠢᠭᠤᠷ ᠲᠦᠬᠦᠷᠢᠭ ᠪᠡᠶᠡᠯᠡᠭᠦᠯᠪᠡ︔ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠢᠯ ᠲᠣᠳᠣᠮ 25.69% ᠨᠡᠮᠡᠭᠳᠡᠵᠣ᠂ ᠲᠠᠪᠣᠨ ᠵᠢᠯ | ᠨᠡᠶᠢᠳᠡ 62.74 ᠳ᠋ᠥᠩᠰᠢᠭᠤᠷ ᠲᠥᠭᠦᠷᠢᠭ ᠪᠡᠶᠡᠯᠡᠭᠦᠯᠵᠣ᠂ ᠪᠦᠬᠦ ᠣᠷᠣᠨ ᠤ 102 ᠬᠤᠰᠢᠭᠤ ᠰᠢᠶᠠᠨ ᠤ 23 ᠳ᠋ᠤᠭᠠᠷ ᠲᠤ ᠵᠢᠭᠰᠠᠭᠠᠭᠳᠠᠪᠠ︔ ᠲᠤᠭᠳᠠᠮᠠᠯ | ᠭᠥᠷᠥᠩᠭᠡ ᠶᠢᠨ ᠪᠡᠯᠡ ᠤᠷᠤᠭᠤᠯᠤᠯᠳᠠ ᠵᠢᠯ ᠲᠣᠳᠣᠮ 10.5% ᠨᠡᠮᠡᠭᠳᠡᠵᠣ᠂ ᠲᠠᠪᠣᠨ ᠵᠢᠯ ᠤᠨ ᠨᠡᠶᠢᠳᠡ ᠪᠡᠯᠡ ᠤᠷᠤᠭᠤᠯᠤᠯᠳᠠ ᠨᠢ ︽ᠠᠷᠪᠠᠨ ᠨᠢᠭᠡᠳᠦᠭᠡᠷ | ᠲᠠᠪᠣᠨ ᠵᠢᠯ︾ ᠤᠨ 5 ᠲᠠᠬᠢᠨ ᠪᠣᠯᠪᠠ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ ᠵᠢᠯ ᠲᠣᠳᠣᠮ 14.3% | ᠨᠡᠮᠡᠭᠳᠡᠵᠣ᠂ ᠲᠠᠪᠣᠨ ᠵᠢᠯ ᠳᠤ ᠨᠡᠶᠢᠳᠡ 81.52 ᠳ᠋ᠦᠩᠰᠢᠭᠤᠷ ᠲᠦᠬᠦᠷᠢᠭ ᠪᠡᠶ᠋ᠯᠡᠭᠦᠯᠪᠡ᠃ | ᠲᠠᠪᠣᠨ ᠵᠢᠯ ᠤᠨ ᠲᠣᠷᠰᠢ ᠪᠢᠳᠠ ᠪᠦᠳᠦᠴᠠ ᠶᠢᠨ ᠲᠣᠬᠢᠷᠠᠭᠤᠯᠣᠯᠳᠠ ᠶᠢ ᠶᠡᠭᠡ ᠪᠠᠷ ᠠᠬᠢᠭᠤᠯᠵᠣ᠂ ᠠᠵᠣ ᠣᠶᠢᠯᠠᠰ ᠤᠨ ᠬᠡᠯᠪᠡᠷᠢ ᠶᠢ ᠬᠤᠪᠢᠷᠠᠭᠤᠯᠣᠨ ᠲᠡᠰ | ᠲᠠᠪᠰᠢᠭᠤᠯᠬᠤ ᠠᠬᠢᠴᠠ ᠶᠢ ᠲᠦᠷᠭᠡᠳᠬᠡᠪᠡ᠃ ᠳ᠋ᠦᠩᠰᠢᠭᠤᠷ ᠲᠦᠬᠦᠷᠢᠭ ᠲᠠᠪᠠᠭᠰᠠᠨ ᠠᠵᠣ ᠣᠶᠢᠯᠠᠳᠪᠦᠷᠢ ᠶᠢᠨ 37 ᠴᠢᠬᠤᠯᠠ ᠶᠡᠭᠡ ᠲᠦᠷᠦᠯ ᠵᠣᠶᠢᠯ ᠤᠨ | ᠪᠠᠷᠢᠯᠭ᠎ᠠ ᠡᠬᠢᠯᠡᠬᠦᠯᠵᠣ᠂ 16 ᠨᠢ ᠪᠠᠶᠢᠭᠤᠯᠣᠭᠳᠠᠨ᠂ ︽ᠨᠡᠭᠦᠷᠡᠰᠦ ᠪᠠᠷ ᠰᠠᠭᠤᠷᠢᠯᠠᠬᠤ᠂ ᠴᠠᠬᠢᠯᠭᠠᠨ ᠬᠦᠴᠦ ᠪᠠᠷ ᠭᠤᠣᠯᠯᠠᠬᠤ᠂ ᠪᠣᠬᠢᠷᠳᠣᠯ ᠦᠬᠡᠢ ᠡᠨᠧᠷᠬᠢ ᠪᠠᠷ | ᠨᠦᠬᠦᠪᠦᠷᠢᠯᠡᠬᠦ︾ ᠰᠢᠨ᠎ᠠ ᠬᠡᠯᠪᠡᠷᠢ ᠶᠢᠨ ᠠᠵᠣ ᠤᠶᠢᠯᠡᠤᠨᠪᠤᠷᠢᠵᠢᠯᠳᠠ ᠶᠢᠨ ᠰᠢᠰᠲ᠋ᠧᠮ ᠡᠬᠢᠯᠡᠨ ᠪᠦᠷᠢᠯᠳᠦᠵᠣ᠂ ᠨᠡᠭᠦᠷᠡᠰᠦ᠂ ᠨᠡᠭᠦᠷᠡᠰᠦ ᠬᠢᠮᠢ᠂ ᠰᠢᠳᠠᠮᠠᠬᠠᠢ ᠬᠡᠢ | ᠶᠢᠨ ᠭᠠᠷᠣᠯᠳᠠ ᠨᠡᠶᠢᠳᠡ 5141 ᠲᠦᠮᠡᠨ ᠲᠣᠨ᠂ 417 ᠲᠦᠮᠡᠨ ᠲᠣᠨ᠂ 220 ᠳ᠋ᠦᠩᠰᠢᠭᠤᠷ ᠺᠦᠪ ᠮᠧᠲᠷ ᠬᠦᠷᠴᠦ᠂ ᠠᠵᠣ ᠣᠶᠢᠯᠠᠳᠪᠦᠷᠢ ᠶᠢᠨ ᠭᠤᠣᠯᠯᠠᠬᠤ | ᠪᠠᠶᠢᠷᠢ ᠨᠡᠩ ᠲᠣᠪᠣᠶᠢᠪᠠ᠃ ᠲᠣᠯᠣᠭᠠᠶᠢᠯᠠᠭᠴᠢ ᠠᠵᠣ ᠠᠬᠤᠶᠢᠯᠠᠯ ᠢ 18 ᠪᠣᠶᠢᠵᠢᠭᠤᠯᠣᠨ᠂ ᠮᠠᠯ ᠲᠠᠷᠢᠶᠠᠯᠠᠩ ᠤᠨ ᠪᠦᠳᠦᠭᠳᠡᠭᠦᠨ ᠤ ᠨᠡᠷᠡᠳᠦ ᠲᠡᠮᠳᠡᠭ ᠢ 17 | ᠲᠠᠩᠰᠠᠯᠠᠭᠤᠯᠵᠣ᠂ ᠣᠳᠣ ᠦᠶ᠎ᠡ ᠶᠢᠨ ᠬᠡᠪᠴᠢᠶᠡᠵᠢᠭᠰᠡᠨ ᠲᠠᠷᠢᠶᠠᠯᠠᠩ ᠤᠨ ᠰᠠᠭᠤᠷᠢᠨ ᠢ 24 ᠲᠦᠮᠡᠨ ᠮᠣ᠋ ᠪᠠᠶᠢᠭᠤᠯᠵᠣ᠂ ᠠᠯᠠᠰᠢᠨ ᠮᠠᠯ ᠤᠨ ᠲᠡᠵᠢᠭᠡᠪᠦᠷᠢ ᠶᠢᠨ | ᠲᠣᠭᠤᠷᠢᠭ ᠢ 13 ᠪᠠᠶᠢᠭᠤᠯᠵᠣ᠂ ᠣᠳᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠡᠷᠦᠬᠡ ᠶᠢ 630 ᠬᠦᠷᠭᠡᠨ᠂ ᠨᠡᠶᠢᠳᠡ 13035 ᠲᠦᠬᠦᠷ ᠲᠠᠷᠢᠶᠠᠯᠠᠩ ᠤᠨ | ᠮᠠᠰᠢᠨ ᠲᠠᠯᠪᠢᠵᠣ᠂ ᠶᠡᠷᠦᠩᠬᠡᠶᠢᠯᠡᠭᠰᠡᠨ ᠮᠠᠰᠢᠨᠴᠢᠯᠠᠯᠳᠠ ᠶᠢᠨ ᠨᠣᠷᠮ᠎ᠠ 80% ᠳᠤ ᠬᠦᠷᠴᠦ᠂ ᠮᠠᠯ ᠲᠠᠷᠢᠶᠠᠯᠠᠩ ᠤᠨ ᠰᠠᠭᠤᠷᠢ ᠨᠡᠩ ᠪᠠᠬᠢᠵᠢᠪᠡ᠃ ᠣᠯᠣᠰ ᠤᠨ 4A | ᠲᠡᠰ ᠤᠨ ᠦᠵᠡᠮᠵᠢ ᠶᠢᠨ ᠣᠷᠣᠨ ᠢ 3 ᠪᠠᠶᠢᠭᠤᠯᠵᠣ᠂ ᠡᠯᠡᠰᠦ ᠮᠠᠩᠬᠠᠨ ᠤ ᠲᠣᠮᠣ ᠬᠠᠪᠴᠢᠯ ᠣᠯᠣᠰ ᠤᠨ ᠣᠰᠣᠨ ᠠᠰᠢᠭᠯᠠᠯᠳᠠ ᠶᠢᠨ ᠦᠵᠡᠮᠵᠢ ᠶᠢᠨ ᠨᠡᠷᠡᠳᠦ | ᠣᠷᠣᠨ ᠳᠤ ᠵᠢᠭᠰᠠᠭᠠᠭᠳᠠᠵᠣ᠂ ᠶᠡᠭᠡ ᠲᠣᠬᠤᠢ ᠲᠣᠰᠬᠤᠨ ᠰᠣᠶᠣᠯ ᠣᠯᠠᠮᠵᠢᠯᠠᠯᠳᠦ ᠭᠠᠴᠠᠭ᠎ᠠ ᠲᠣᠰᠬᠤᠨ ᠤ ᠬᠠᠮᠠᠭᠠᠯᠠᠯᠳᠠ ᠶᠢᠨ ᠨᠡᠷᠡᠰ ᠴᠠᠳᠢᠭ ᠲᠤ ᠣᠷᠣᠵᠣ᠂ ᠶᠠᠨ | ᠠᠨ ᠤ ᠦᠨᠳᠦᠰᠦᠳᠡᠨ ᠤ ᠲᠡᠭᠡᠳᠦ ᠰᠣᠷᠭᠠᠭᠤᠯᠢ ᠶᠢᠨ ᠪᠣᠷᠣᠪᠠᠯᠭᠠᠰᠣᠨ ᠳᠠᠬᠢ ᠲᠣᠷᠠᠰᠬᠠᠯ ᠤᠨ ᠣᠷᠳᠣᠨ ᠠᠰᠢᠭᠯᠠᠯᠳᠠ ᠳᠤ ᠣᠷᠣᠵᠣ᠂ ᠲᠣᠮᠳᠠᠳᠦ ᠣᠯᠣᠰ ᠤᠨ | ᠪᠡᠩᠬᠢ᠂ ᠣᠷᠳᠣᠰ ᠪᠠᠩᠬᠢ᠂ ᠮᠧᠩ ᠶᠢᠨ ᠲᠣᠰᠬᠤᠨ ᠪᠠᠯᠭᠠᠰᠣᠨ ᠤ ᠪᠡᠩᠬᠢ ᠮᠠᠨ ᠤ ᠬᠤᠰᠢᠭᠤᠨ ᠳᠤ ᠰᠠᠭᠤᠷᠢᠰᠢᠵᠣ᠂ ᠠᠮᠢᠳᠣᠷᠠᠯ ᠤᠨ ᠣᠶᠢᠯᠠᠴᠢᠯᠡᠭᠡᠨ ᠤ ᠣᠶᠢᠯᠠᠰ | ᠲᠡᠰ ᠲᠠᠪᠰᠢᠵᠣ᠂ ᠲᠦᠷᠬᠡᠨ ᠲᠠᠮᠵᠢᠭᠤᠯᠭ᠎ᠠ ᠪᠣᠳᠠᠰ ᠤᠨ ᠭᠦᠢᠯᠭᠡᠭᠡᠨ ᠤ ᠣᠶᠢᠯᠠᠰ ᠲᠦᠷᠬᠡᠨ ᠬᠦᠭᠵᠢᠵᠣ᠂ ᠣᠶᠢᠯᠡᠴᠢᠯᠡᠭᠡᠨ ᠤ ᠣᠶᠢᠯᠠᠰ ᠣᠯᠠᠨ ᠶᠠᠩᠵᠣ ᠲᠠᠢ ᠪᠣᠯᠪᠠ | ᠃ | ᠲᠠᠪᠣᠨ ᠵᠢᠯ ᠤᠨ ᠲᠣᠷᠰᠢ ᠪᠢᠳᠠ ᠰᠠᠭᠤᠷᠢ ᠨᠦᠬᠦᠴᠡᠯ ᠢᠶᠠᠨ ᠲᠠᠰᠣᠷᠠᠯᠳᠠ ᠦᠭᠡᠢ ᠲᠡᠭᠦᠯᠳᠡᠷᠵᠢᠭᠦᠯᠵᠣ᠂ ᠣᠷᠣᠨ ᠨᠣᠳᠤᠭ ᠤᠨ ᠬᠦᠭᠵᠢᠯᠳᠠ ᠶᠢᠨ ᠣᠷᠴᠢᠨ ᠢ | ᠦᠷᠭᠦᠯᠵᠢᠯᠡᠨ ᠰᠠᠶᠢᠵᠢᠷᠠᠭᠤᠯᠪᠠ᠃ ᠣᠶᠢᠵᠢᠭᠤᠯᠣᠯᠳᠠ ᠶᠢᠨ ᠲᠠᠯᠠᠪᠠᠢ 330 ᠲᠦᠮᠡᠨ ᠺᠦᠸ᠋ᠳ᠋ ᠮᠧᠲᠷ ᠨᠡᠮᠡᠭᠳᠡᠵᠣ᠂ ᠬᠦᠮᠦᠨ ᠲᠣᠳᠣᠮ 35 ᠺᠦᠸ᠋ᠳ᠋ ᠮᠧᠲᠷ | ᠨᠣᠭᠳᠠᠵᠣ᠂ ᠪᠠᠶᠢᠩᠭᠤ ᠬᠦᠮᠦᠨ ᠠᠮᠠ ᠤᠨ ᠬᠤᠳᠠᠴᠢᠯᠠᠯᠳᠠ ᠶᠢᠨ ᠨᠣᠷᠮ᠎ᠠ 57.8% ᠲᠤ ᠬᠦᠷᠴᠦ᠂ ᠮᠠᠨ ᠤ ᠬᠤᠰᠢᠭᠤ ︽ᠣᠯᠣᠰ ᠤᠨ ᠡᠷᠡᠬᠦᠯ ᠬᠠᠮᠠᠭᠠᠯᠠᠯ ᠤᠨ | ᠰᠢᠶᠠᠨ ᠤ ᠬᠤᠳᠠ︾ ᠪᠠᠷ ᠨᠡᠷᠡᠶᠢᠳᠦᠭᠳᠡᠨ᠂ ᠦᠪᠡᠷᠳᠡᠭᠡᠨ ᠵᠠᠰᠠᠬᠤ ᠣᠷᠣᠨ ᠤ ᠴᠡᠴᠡᠷᠯᠢᠭᠵᠢᠬᠦᠯᠭᠡ ᠶᠢᠨ ᠬᠤᠰᠢᠭᠤ ᠶᠢ ᠠᠮᠵᠢᠯᠳᠠ ᠲᠠᠢ ᠴᠣᠭᠴᠠᠯᠠᠪᠠ᠃ ᠬᠤᠳᠠ | ᠬᠦᠳᠡᠭᠡ ᠶᠢ ᠢᠵᠢᠯ ᠨᠢᠭᠡᠳᠦᠯᠳᠡᠢ ᠬᠦᠭᠵᠢᠬᠦᠯᠵᠣ᠂ ᠨᠠᠩᠰᠦ᠂ ᠪᠣᠷᠣᠪᠠᠯᠭᠠᠰᠦ ᠶᠢᠨ ᠴᠣᠭᠯᠠᠭ᠎ᠠ ᠪᠠᠯᠭᠠᠰᠣ ᠶᠢᠨ ᠦᠩᠭᠡ ᠲᠦᠷᠰᠦ ᠰᠢᠨᠡᠳᠴᠦ᠂ ᠰᠢᠨ᠎ᠡ ᠮᠠᠶ᠋ᠢᠭ ᠤᠨ | ᠠᠶᠢᠯ ᠲᠣᠰᠬᠤᠨ 7᠂ ᠵᠣᠰᠠᠯᠠᠩ ᠰᠠᠭᠤᠴᠠ 1200 ᠲᠦᠬᠦᠷ ᠪᠠᠶᠢᠭᠤᠯᠵᠣ᠂ ᠰᠢᠯᠵᠢᠭᠰᠡᠨ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢ 5521 ᠲᠦᠬᠦᠷ | ᠪᠠᠶᠢᠭᠤᠯᠵᠣ᠂ 3116 ᠡᠷᠦᠬᠡ ᠶᠢᠨ ᠮᠠᠯᠴᠢᠨ ᠳᠠᠷᠢᠶᠠᠴᠢᠨ ᠢ ᠰᠢᠯᠵᠢᠭᠦᠯᠪᠡ᠃ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠳᠤ ᠨᠡᠶᠢᠳᠡ 10 ᠳ᠋ᠦᠩᠰᠢᠭᠤᠷ | ᠲᠦᠬᠦᠷᠢᠭ ᠤᠨ ᠪᠡᠯᠡ ᠣᠷᠣᠭᠤᠯᠵᠣ᠂ ᠲᠡᠭᠡᠳᠦ ᠲᠡᠰ ᠤᠨ ᠵᠠᠰᠠᠮᠠᠯ ᠵᠠᠮ ᠲᠠᠢ ᠪᠣᠯᠵᠣ᠂ ᠭᠠᠴᠠᠭ᠎ᠠ ᠲᠣᠰᠬᠤᠨ ᠤ ᠴᠠᠷᠳᠠᠮᠠᠯ ᠵᠠᠮ ᠢ 446 ᠺᠢᠯᠦᠮᠧᠲᠷ ᠨᠡᠮᠡᠭᠳᠡᠬᠦᠯᠵᠣ | ᠂ ᠪᠦᠬᠦ ᠬᠤᠰᠢᠭᠤᠨ ᠤ ᠵᠠᠰᠠᠮᠠᠯ ᠵᠠᠮ ᠤᠨ ᠶᠡᠷᠦᠩᠬᠡᠢ ᠣᠷᠳᠦ 2400 ᠺᠢᠯᠦᠮᠧᠲᠷ ᠬᠦᠷᠴᠦ᠂ ᠬᠤᠳᠠ ᠬᠦᠳᠡᠭᠡ ᠶᠢᠨ ᠵᠠᠮ ᠤᠨ ᠲᠣᠣᠷ ᠤᠨ ᠪᠦᠳᠦᠴᠠ ᠪᠦᠬᠦ ᠲᠠᠯ᠎ᠠ | ᠪᠠᠷ ᠰᠢᠯᠢᠳᠡᠭᠵᠢᠪᠡ᠃ ᠴᠠᠬᠢᠯᠭᠠᠨ ᠬᠦᠴᠦᠨ ᠤ ᠪᠡᠯᠡ ᠣᠷᠣᠭᠤᠯᠣᠯᠳᠠ ᠶᠢ 13.97 ᠳ᠋ᠦᠩᠰᠢᠭᠤᠷ ᠲᠦᠬᠦᠷᠢᠭ ᠪᠡᠶᠡᠯᠡᠬᠦᠯᠵᠣ᠂ 110 ᠺᠢᠯᠤᠸᠤᠯᠲ ᠠᠴᠠ | ᠲᠡᠭᠡᠭᠰᠢᠬᠢ ᠴᠠᠬᠢᠯᠭᠠᠨ ᠬᠤᠪᠢᠰᠬᠠᠨ ᠲᠠᠮᠵᠢᠭᠤᠯᠬᠤ ᠢᠨᠵᠧᠨᠧᠷᠢᠩ ᠢ 6᠂ 35 ᠺᠢᠯᠤᠸᠤᠯᠲ ᠤᠨ ᠴᠠᠬᠢᠯᠭᠠᠨ ᠬᠤᠪᠢᠰᠬᠠᠨ ᠲᠠᠮᠵᠢᠭᠤᠯᠬᠤ ᠦᠷᠳᠡᠭᠡ 7 ᠪᠠᠶᠢᠭᠤᠯᠵᠣ᠂ | 3939 ᠺᠢᠯᠦᠮᠧᠲᠷ ᠴᠠᠬᠢᠯᠭᠠᠨ ᠱᠤᠭᠤᠮ ᠢ ᠦᠭᠡᠷᠡᠴᠢᠯᠡᠨ ᠰᠢᠨᠡᠳᠬᠡᠵᠣ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠴᠠᠬᠢᠯᠭᠠᠨ ᠨᠡᠪᠳᠡᠷᠡᠬᠦ ᠨᠣᠷᠮ᠎ᠠ 98% | ᠬᠦᠷᠪᠡ᠃ ᠠᠮᠢ ᠠᠬᠤᠢ ᠶᠢᠨ ᠪᠠᠶᠢᠭᠤᠯᠣᠯᠳᠠ ᠶᠢ 78 ᠲᠦᠮᠡᠨ ᠮᠣ᠋ ᠪᠡᠶᠡᠯᠡᠬᠦᠯᠵᠣ᠂ ᠬᠦᠷᠦᠰᠦ ᠰᠢᠷᠣᠢ ᠶᠢᠨ ᠢᠳᠡᠭᠳᠡᠯ ᠢ 86 ᠲᠦᠮᠡᠨ ᠮᠣ᠋ ᠵᠠᠰᠠᠵᠣ᠂ ᠣᠢ ᠶᠢᠨ | ᠪᠦᠷᠭᠦᠴᠡ ᠪᠣᠯᠣᠨ ᠣᠷᠭᠤᠮᠠᠯ ᠤᠨ ᠪᠦᠷᠬᠦᠪᠴᠢ ᠶᠢ 23% ᠪᠠ 46% ᠳᠤ ᠲᠣᠭᠳᠠᠪᠦᠷᠢᠵᠢᠭᠤᠯᠪᠠ᠃ | ᠲᠠᠪᠣᠨ ᠵᠢᠯ ᠤᠨ ᠲᠣᠷᠰᠢ᠂ ᠪᠢᠳᠠ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠵᠣ᠂ ᠠᠷᠠᠳ ᠣᠯᠠᠨ ᠳᠤ ᠨᠡᠩ ᠠᠷᠪᠢᠨ ᠠᠰᠢᠭ ᠬᠦᠷᠲᠡᠬᠡᠪᠡ᠃ | ᠠᠷᠠᠳ ᠤᠨ ᠠᠮᠢᠳᠤᠷᠠᠯ ᠤᠨ ᠰᠠᠶᠢᠵᠢᠷᠠᠭᠤᠯᠣᠯᠳᠠ ᠳᠤ ᠨᠡᠶᠢᠳᠡ 88.38 ᠳ᠋ᠦᠩᠰᠢᠭᠤᠷ ᠲᠦᠬᠦᠷᠢᠭ ᠣᠷᠣᠭᠤᠯᠵᠣ᠂ ᠡᠳ᠋ ᠤᠨ ᠵᠠᠰᠠᠭ ᠤᠨ ᠶᠡᠷᠦᠩᠭᠡᠢ ᠵᠠᠷᠣᠯᠭ᠎ᠠ ᠶᠢᠨ | 71.64% ᠶᠢ ᠡᠵᠡᠯᠡᠨ᠂ ᠮᠠᠯᠴᠢᠨ ᠲᠠᠷᠢᠶᠠᠴᠢᠨ ᠳᠤ 10.3 ᠳ᠋ᠦᠩᠰᠢᠭᠤᠷ ᠲᠦᠬᠦᠷᠢᠭ ᠲᠦᠷᠦ ᠶᠢᠨ ᠪᠣᠳᠣᠯᠭ᠎ᠠ ᠶᠢᠨ ᠨᠦᠬᠦᠪᠦᠷᠢ ᠣᠯᠭᠤᠵᠣ᠂ 3603 ᠡᠷᠦᠬᠡ | 11860 ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠮᠠᠯᠴᠢᠨ ᠲᠠᠷᠢᠶᠠᠴᠢᠳ ᠤᠨ ᠬᠦᠮᠦᠨ ᠲᠣᠳᠣᠮ ᠤᠨ ᠴᠡᠪᠡᠷ ᠣᠷᠣᠯᠭ᠎ᠠ 11 ᠵᠢᠯ ᠲᠠᠷᠠᠭᠠᠯᠠᠨ ᠪᠦᠬᠦ | ᠬᠤᠳᠠ ᠳᠤ ᠪᠠᠨ ᠲᠡᠷᠢᠭᠦᠯᠪᠡ᠃ ᠬᠤᠳᠠ ᠪᠠᠯᠭᠠᠰᠣᠨ ᠤ 7374 ᠬᠦᠮᠦᠨ ᠳᠤ ᠠᠵᠢᠯ ᠣᠯᠭᠤᠨ᠂ ᠠᠵᠢᠯ ᠠᠯᠳᠠᠯᠳᠠ ᠶᠢᠨ ᠨᠣᠷᠮ᠎ᠠ ᠶᠢ 3% ᠶᠢᠨ ᠲᠣᠳᠣᠷ᠎ᠠ | ᠬᠢᠵᠠᠭᠠᠷᠯᠠᠪᠠ᠃ ᠪᠦᠬᠦ ᠬᠤᠳᠠ ᠳᠤ ᠪᠠᠨ ᠲᠡᠷᠢᠬᠦᠯᠡᠨ ︽ᠭᠤᠷᠪᠠᠨ ᠪᠠᠳᠤᠯᠠᠭ᠎ᠠ ᠶᠢ ᠨᠢᠭᠡᠳᠭᠡᠬᠦ︾᠂ ᠡᠮᠴᠢᠯᠡᠭᠡᠨ ᠠᠴᠠ ᠡᠮᠦᠨ᠎ᠡ ᠠᠪᠣᠷᠠᠨ ᠲᠣᠰᠠᠯᠠᠬᠤ ᠵᠠᠭᠪᠣᠷ ᠢ | ᠬᠡᠷᠡᠭᠵᠢᠭᠦᠯᠵᠣ᠂ ᠪᠠᠳᠣᠯᠠᠭ᠎ᠠ ᠶᠢᠨ ᠵᠢᠭᠠᠯᠳᠠ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠣᠷᠣᠵᠣ᠂ ᠬᠤᠳᠠ ᠬᠦᠳᠡᠭᠡ ᠶᠢ ᠬᠠᠮᠣᠷᠠᠭᠰᠠᠨ ᠨᠡᠶᠢᠭᠡᠮ ᠤᠨ ᠪᠠᠳᠣᠯᠠᠭ᠎ᠠ | ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠪᠠ᠃ ᠪᠠᠳᠣᠯᠠᠭ᠎ᠠ ᠶᠢᠨ ᠣᠷᠣᠨ ᠰᠠᠭᠤᠴᠠ ᠶᠢ 6957 ᠲᠦᠬᠦᠷ ᠪᠠᠶᠢᠭᠤᠯᠵᠣ᠂ 2312 ᠲᠦᠬᠦᠷ | ᠬᠠᠭᠤᠴᠢᠨ ᠣᠷᠣᠨ ᠰᠠᠭᠤᠴᠠ ᠶᠢ ᠰᠢᠨᠡᠳᠬᠡᠪᠡ᠃ 19 ᠲᠣᠮᠳᠡᠳᠦ ᠪᠠᠭ᠎ᠠ ᠰᠣᠷᠭᠠᠭᠤᠯᠢ ᠪᠣᠯᠣᠨ ᠴᠡᠴᠡᠷᠯᠢᠭ ᠢ ᠰᠢᠨ᠎ᠡ ᠪᠠᠷ ᠪᠠ ᠦᠷᠭᠡᠳᠬᠡᠨ ᠪᠠᠶᠢᠭᠤᠯᠵᠣ᠂ 12 | ᠵᠢᠯ ᠤᠨ ᠲᠦᠯᠦᠪᠦᠷᠢ ᠦᠭᠡᠢ ᠬᠢᠳᠠᠳ ᠢᠶᠠᠷ ᠬᠡᠴᠢᠶᠡᠯᠡᠯᠬᠦ ᠰᠣᠷᠭᠠᠨ ᠬᠦᠮᠦᠵᠢᠯ ᠪᠣᠯᠣᠨ 15 ᠵᠢᠯ ᠤᠨ ᠲᠦᠯᠦᠪᠦᠷᠢ ᠦᠭᠡᠢ ᠦᠨᠳᠦᠰᠦᠳᠡᠨ ᠤ ᠰᠣᠷᠭᠠᠨ ᠬᠦᠮᠦᠵᠢᠯ ᠢ | ᠪᠦᠬᠦ ᠲᠠᠯ᠎ᠠ ᠪᠠᠷ ᠭᠡᠷᠡᠭᠵᠢᠭᠦᠯᠵᠣ᠂ ᠠᠩᠬ᠎ᠠ ᠲᠣᠮᠳᠡᠳᠦ ᠶᠢᠨ ᠬᠤᠳᠠ ᠶᠢᠨ ᠲᠡᠰ ᠠᠴᠠ ᠲᠡᠭᠡᠭᠰᠢᠬᠢ ᠭᠤᠣᠯᠳᠠᠯᠭᠠᠳᠦ ᠲᠡᠭᠡᠳᠦ ᠲᠣᠮᠳᠠᠳᠦ ᠳᠤ ᠰᠢᠯᠭᠠᠭᠳᠠᠭᠰᠠᠳ ᠤᠨ | ᠲᠤᠭ᠎ᠠ 5 ᠵᠢᠯ ᠲᠠᠷᠠᠭᠠᠯᠠᠨ ᠪᠦᠬᠦ ᠬᠤᠳᠠ ᠶᠢᠨ ᠲᠡᠷᠢᠬᠦᠨ ᠤ ᠡᠩᠨᠡᠭᠡᠨ ᠳᠤ ᠣᠷᠣᠵᠣ᠂ ᠡᠩ ᠤᠨ ᠲᠡᠭᠡᠳᠦ ᠰᠣᠷᠭᠠᠭᠤᠯᠢ ᠶᠢᠨ ᠵᠢᠩᠬᠢᠨᠢ ᠠᠩᠬᠢ ᠳᠤ | ᠰᠢᠯᠭᠠᠭᠳᠠᠭᠰᠠᠳ ᠤᠨ ᠨᠣᠷᠮ᠎ᠠ 2010 ᠣᠨ ᠤ 45.96% ᠠᠴᠠ ᠲᠡᠭᠡᠭᠰᠢᠯᠡᠭᠡᠳ 52.98% ᠬᠦᠷᠪᠡ᠃ ᠪᠦᠬᠦ ᠠᠷᠠᠤᠨ ᠤᠨ ᠪᠡᠶ᠎ᠡ ᠴᠢᠬᠢᠷᠠᠭᠵᠢᠭᠤᠯᠬᠤ | ᠤᠶᠢᠯᠡᠰ ᠦᠤᠨᠳᠠᠷ ᠬᠦᠭᠵᠢᠵᠤ᠂ ᠪᠠᠯᠭᠠᠰᠤᠨ ᠳᠤᠭᠤᠷᠢᠭ ᠤᠨ ᠴᠡᠴᠡᠷᠯᠢᠭ᠂ ᠰᠠᠭᠤᠭᠠᠯᠢ ᠠᠷᠠᠤᠨ ᠤᠨ ᠳᠤᠭᠤᠷᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠳᠠᠮᠢᠷ | ᠪᠤᠯᠪᠠᠰᠤᠷᠠᠯ ᠤᠨ ᠲᠦᠬᠦᠬᠡᠷᠤᠮᠵᠢ ᠪᠦᠬᠦ ᠳᠠᠯ᠎ᠠ ᠪᠠᠷ ᠳᠡᠬᠦᠯᠳᠡᠷᠵᠢᠵᠤ᠂ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ︽ᠤᠯᠤᠰ ᠤᠨ ᠳᠡᠰ ᠤᠨ ᠬᠦᠯ ᠪᠦᠮᠪᠦᠭᠡ | ᠶᠢᠨ ᠤᠨᠴᠠᠯᠢᠭᠳᠤ ᠰᠤᠷᠭᠠᠭᠤᠯᠢ︾ ᠪᠠᠷ ᠦᠨᠡᠯᠡᠭᠳᠡᠪᠠ᠃ ᠬᠤᠰᠢᠭᠤ ᠡᠮᠨᠡᠯᠭᠡ ᠶᠢ ᠦᠷᠭᠡᠳᠬᠡᠨ ᠪᠠᠶᠢᠭᠤᠯᠵᠣ᠂ ᠦᠨᠳᠦᠰᠦᠨ ᠱᠠᠳᠣᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢ 2᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ 33 ᠪᠠᠶᠢᠭᠤᠯᠵᠣ᠂ ᠮᠢᠩᠭᠠᠨ ᠬᠦᠮᠦᠨ ᠲᠣᠳᠣᠮ ᠲᠤ 5.28 ᠡᠪᠡᠳᠴᠢᠳᠡᠨ ᠤ | ᠣᠷᠣ ᠪᠠ 6.2 ᠡᠮᠨᠡᠯᠭᠡ ᠶᠢᠨ ᠠᠵᠢᠯᠳᠠᠨ ᠨᠣᠭᠳᠠᠭᠤᠯᠵᠣ᠂ ᠲᠣᠰᠪᠦᠷᠢ 2010 ᠣᠨ ᠠᠴᠠ 39.7% ᠪᠠ 22.1% ᠨᠡᠮᠡᠭᠳᠡᠭᠦᠯᠦᠨ᠂ ᠬᠤᠰᠢᠭᠤ ᠮᠣᠩᠭᠤᠯ | ᠡᠮᠨᠡᠯᠭᠡ ᠣᠯᠣᠰ ᠤᠨ ᠬᠤᠶᠠᠳᠦᠭᠠᠷ ᠵᠡᠷᠬᠡ ᠶᠢᠨ ᠬᠦᠭᠡ ᠲᠡᠰ ᠤᠨ ᠶᠡᠷᠦᠩᠬᠡᠶᠢᠯᠡᠭᠰᠡᠨ ᠡᠮᠨᠡᠯᠭᠡ᠂ ᠬᠤᠰᠢᠭᠤ ᠠᠷᠠᠳ ᠤᠨ ᠡᠮᠨᠡᠯᠭᠡ ᠣᠯᠣᠰ ᠤᠨ ᠬᠤᠶᠠᠳᠦᠭᠠᠷ ᠵᠡᠷᠬᠡ | ᠶᠢᠨ ᠬᠦᠭᠡᠭᠴᠢᠨ ᠲᠡᠰ ᠤᠨ ᠶᠡᠷᠦᠩᠬᠡᠶᠢᠯᠡᠭᠰᠡᠨ ᠡᠮᠨᠡᠯᠭᠡ ᠪᠣᠯᠵᠣ᠂ ︽ᠮᠣᠩᠭᠤᠯ ᠬᠢᠳᠠᠳ ᠡᠮ ᠡᠮᠨᠡᠯᠭᠡ ᠶᠢᠨ ᠲᠡᠷᠢᠬᠦᠨ ᠤ ᠬᠤᠰᠢᠭᠤ︾ ᠶᠢ ᠠᠮᠵᠢᠯᠳᠠ ᠲᠠᠢ | ᠴᠣᠭᠴᠠᠯᠠᠪᠠ᠃ ︽ᠴᠠᠬᠢᠷᠮ᠎ᠠ ᠴᠢᠳᠠᠪᠦᠷᠢᠳᠡᠨ︾ ᠪᠠᠶᠢᠯᠳᠣᠬᠤ ᠪᠣᠳᠣᠯᠭ᠎ᠠ ᠶᠢ ᠭᠦᠨᠵᠡᠭᠡᠢ ᠭᠡᠷᠡᠭᠵᠢᠬᠦᠯᠵᠣ᠂ ᠲᠣᠰᠬᠠᠢ ᠴᠢᠳᠠᠪᠦᠷᠢᠳᠠᠨ ᠢ 151 ᠣᠷᠣᠭᠤᠯᠵᠣ᠂ | ᠣᠯᠣᠰ ᠤᠨ ᠲᠣᠰᠬᠠᠢ ᠠᠰᠢᠭ ᠢ 52 ᠣᠯᠵᠣ᠂ ︽ᠪᠦᠬᠦ ᠣᠯᠣᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠲᠡᠷᠢᠭᠦᠨ ᠤ ᠰᠢᠶᠠᠨ︾ ᠢᠶᠠᠷ ᠦᠨᠡᠯᠡᠭᠳᠡᠪᠡ᠃ | ︽ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢᠨ ᠴᠤᠭᠴᠠᠯᠠᠯᠳᠠ ᠦᠪᠡᠷᠳᠡᠭᠡᠨ ᠵᠠᠰᠠᠬᠤ ᠣᠷᠣᠨ ᠤ ᠰᠢᠯᠭᠠᠯᠳᠠ ᠶᠢ ᠲᠣᠭᠤᠯᠪᠠ᠃ ᠠᠮᠦᠷ ᠠᠮᠣᠭᠤᠯᠠᠩ | ᠡᠮᠦᠨᠡᠳᠦ ᠣᠳᠤᠭ᠂ ᠬᠠᠣᠯᠢ ᠪᠠᠷ ᠵᠠᠰᠠᠬᠤ ᠡᠮᠦᠨᠡᠳᠦ ᠣᠳᠤᠭ ᠤᠨ ᠪᠠᠶᠢᠭᠤᠯᠣᠯᠳᠠ ᠶᠢ ᠬᠦᠨᠵᠡᠭᠡᠢ ᠦᠷᠨᠢᠭᠦᠯᠵᠣ᠂ ᠠᠶᠣᠯᠬᠦᠢ ᠣᠶᠢᠯᠠᠳᠪᠦᠷᠢᠯᠠᠯ ᠪᠣᠯᠣᠨ ᠵᠠᠬᠢᠳᠠᠯ | ᠰᠣᠷᠪᠣᠯᠵᠢᠯᠠᠭ᠎ᠠ ᠶᠢᠨ ᠠᠵᠢᠯ ᠶᠢ ᠪᠦᠬᠦ ᠲᠠᠯ᠎ᠠ ᠪᠠᠷ ᠴᠢᠩᠭᠠᠳᠬᠠᠵᠣ᠂ ︽ᠠᠩᠬᠠᠳᠠᠭᠴᠢ ᠪᠦᠯᠦᠭ ᠪᠦᠬᠦ ᠣᠯᠣᠰ ᠤᠨ ᠨᠡᠶᠢᠭᠡᠮ ᠤᠨ ᠵᠠᠰᠠᠯᠳᠠ ᠶᠢᠨ ᠰᠢᠨᠡᠴᠢᠯᠡᠯ ᠤᠨ | ᠰᠢᠯᠢᠳᠡᠭ ᠭᠠᠵᠠᠷ ᠣᠷᠣᠨ︾ ᠢᠶᠠᠷ ᠦᠨᠡᠯᠡᠭᠳᠡᠪᠡ᠃ | ᠲᠠᠪᠣᠨ ᠵᠢᠯ ᠤᠨ ᠲᠣᠷᠰᠢ᠂ ᠪᠢᠳᠠ ᠬᠠᠣᠯᠢ ᠪᠠᠷ ᠵᠠᠰᠠᠭ ᠶᠠᠪᠣᠭᠤᠯᠬᠤ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠵᠣ᠂ ᠵᠠᠰᠠᠭ ᠤᠨ ᠣᠷᠳᠣᠨ ᠤ ᠲᠣᠰ | ᠪᠡᠶ᠎ᠡ ᠶᠢᠨ ᠪᠠᠶᠢᠭᠤᠯᠣᠯᠳᠠ ᠪᠠᠨ ᠲᠠᠰᠣᠷᠠᠯᠳᠠ ᠦᠭᠡᠢ ᠴᠢᠩᠭᠠᠳᠬᠠᠪᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠣᠶᠢᠯᠠᠳᠦᠯᠭᠡ ᠶᠢᠨ ᠠᠵᠢᠯᠯᠠᠭ᠎ᠠ | ᠪᠣᠯᠣᠨ ︽ᠭᠤᠷᠪᠠᠨ ᠴᠢᠩᠭ᠎ᠠ ᠭᠤᠷᠪᠠᠨ ᠪᠣᠳᠠᠳᠠᠢ︾ ᠲᠣᠰᠬᠠᠢ ᠬᠦᠮᠦᠵᠢᠯ ᠢ ᠬᠢᠨᠠᠮᠠᠭᠠᠢ ᠦᠷᠨᠢᠭᠦᠯᠵᠣ᠂ ᠠᠯᠪᠠᠨ ᠪᠠᠶᠢᠭᠤᠯᠭ᠎ᠠ ᠪᠣᠯᠣᠨ ᠠᠯᠪᠠᠳᠠᠨ ᠤ ᠡᠩᠨᠨᠡᠭᠡ ᠶᠢᠨ | ᠰᠣᠷᠳᠠᠯ ᠢ ᠢᠯᠡᠳᠳᠠ ᠰᠠᠶᠢᠵᠢᠷᠭᠤᠯᠪᠠ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠭᠦᠨᠵᠡᠭᠡᠶᠢᠷᠡᠬᠦᠯᠦᠨ᠂ ᠵᠠᠰᠠᠭ ᠤᠨ ᠣᠷᠳᠣᠨ ᠤ ᠪᠠᠶᠢᠭᠤᠯᠣᠮᠵᠢ ᠶᠢᠨ | ᠦᠭᠡᠷᠡᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠵᠣ᠂ 3835 ᠵᠣᠶᠢᠯ ᠤᠨ ᠵᠠᠰᠠᠭ ᠵᠠᠬᠢᠷᠠᠭᠠᠨ ᠤ ᠡᠷᠬᠡ ᠶᠢ ᠴᠣᠮᠬᠠᠳᠵᠣ᠂ ᠵᠠᠰᠠᠭ ᠵᠠᠬᠢᠷᠭ᠎ᠠ ᠠᠵᠢᠯ ᠣᠶᠢᠯᠠᠰ | ᠤᠨ ᠴᠢᠨᠠᠷᠳᠠᠢ ᠵᠠᠷᠣᠳᠠᠯ ᠬᠤᠷᠢᠶᠠᠬᠤ ᠲᠦᠷᠦᠯ ᠵᠣᠶᠢᠯ ᠢ 40% ᠪᠠᠷ ᠪᠠᠭᠠᠰᠬᠠᠵᠣ᠂ ᠵᠠᠰᠠᠭ ᠤᠨ ᠶᠠᠪᠣᠳᠠᠯ ᠤᠨ ᠲᠢᠩᠬᠢᠮ ᠲᠤ ︽ᠲᠦᠪᠯᠡᠷᠡᠭᠦᠯᠦᠨ ᠬᠦᠢᠴᠡᠳᠬᠡᠬᠦ︾ | ᠶᠢ ᠪᠡᠶᠡᠯᠡᠬᠦᠯᠪᠡ᠃ ᠴᠢᠬᠤᠯᠠ ᠰᠢᠢᠳᠪᠦᠷᠢ ᠲᠣᠭᠳᠠᠭᠠᠯᠳᠠ ᠳᠤ ᠬᠠᠣᠯᠢ ᠲᠦᠷᠢᠮ ᠢᠶᠠᠷ ᠬᠢᠨᠠᠬᠤ ᠪᠣᠯᠣᠨ ᠭᠡᠷᠡᠴᠢᠯᠭᠡ ᠰᠣᠨᠣᠰᠬᠤ ᠲᠦᠷᠢᠮ ᠢ ᠬᠡᠷᠡᠭᠵᠢᠭᠦᠯᠵᠣ᠂ ᠡᠯ᠎ᠡ | ᠲᠦᠷᠦᠯ ᠤᠨ ᠰᠢᠢᠳᠪᠦᠷᠢᠳᠦ ᠪᠣᠳᠣᠯᠭ᠎ᠠ ᠶᠢᠨ ᠰᠢᠨᠵᠢᠯᠡᠬᠦ ᠣᠬᠠᠭᠠᠨᠴᠢ ᠴᠢᠨᠠᠷ᠂ ᠬᠠᠣᠯᠢᠴᠢ ᠴᠢᠨᠠᠷ ᠢ ᠪᠠᠳᠣᠯᠠᠪᠠ᠃ ᠲᠦᠪ ᠤᠨ ᠠᠷᠪᠢᠯᠠᠨ ᠭᠠᠮᠨᠠᠬᠤ ᠡᠯ᠎ᠡ ᠲᠦᠷᠦᠯ | ᠤᠨ ᠲᠣᠭᠳᠠᠭᠠᠯ ᠢ ᠴᠢᠩᠭ᠎ᠠ ᠬᠡᠷᠡᠭᠵᠢᠭᠦᠯᠵᠣ᠂ ︽ᠭᠤᠷᠪᠠᠨ ᠠᠯᠪᠠᠨ ᠵᠠᠷᠣᠳᠠᠯ︾ ᠢ ᠦᠷᠬᠦᠯᠵᠢᠯᠡᠨ ᠪᠠᠭᠠᠰᠬᠠᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ | ᠵᠢᠯ ᠳᠠᠷᠠᠭᠠᠯᠠᠨ ᠪᠠᠭᠠᠰᠬᠠᠪᠠ᠃ ᠨᠡᠶᠢᠳᠡ ᠶᠢᠨ ᠡᠬᠢ ᠰᠣᠷᠪᠣᠯᠵᠢ ᠶᠢᠨ ᠠᠷᠠᠯᠵᠢᠶᠠᠨ ᠤ ᠲᠦᠪ ᠢ ᠪᠠᠶᠢᠭᠤᠯᠵᠣ᠂ ᠪᠦᠬᠦ ᠬᠤᠳᠠ ᠳᠤ ᠪᠠᠨ ᠲᠡᠷᠢᠭᠦᠯᠡᠨ᠂ | ᠲᠠᠭᠠᠭᠠᠴᠢᠯᠠᠯᠳᠠ ᠵᠠᠷᠯᠠᠬᠤ ᠬᠢᠵᠠᠭᠠᠷᠯᠠᠯ ᠦᠨ᠎ᠡ ᠶᠢᠨ ᠬᠢᠨᠠᠨ ᠪᠣᠳᠣᠯᠳᠠ ᠶᠢᠨ ᠲᠦᠷᠢᠮ ᠢ ᠬᠡᠷᠡᠭᠵᠢᠬᠦᠯᠵᠣ᠂ ᠪᠡᠯᠡ ᠮᠦᠩᠬᠦᠨ ᠤ ᠡᠷᠬᠢᠯᠳᠠ ᠪᠠ ᠬᠠᠮᠢᠶᠠᠷᠤᠯᠳᠠ ᠶᠢ | ᠲᠦᠷᠢᠮᠵᠢᠬᠦᠯᠵᠤ᠂ ᠬᠤᠰᠢᠭᠤ ᠱᠠᠳᠤᠨ ᠤ ᠬᠡᠷᠡᠭᠯᠡᠵᠤ ᠪᠤᠯᠬᠤ ᠡᠳ᠋ ᠤᠨ ᠵᠠᠰᠠᠭ ᠤᠨ ᠪᠡᠯᠡ ᠮᠦᠩᠬᠦ ᠶᠢ ᠠᠷᠪᠢᠯᠠᠪᠠ᠃ ᠨᠡᠶᠢᠭᠡᠮ ᠤᠨ ᠡᠯ᠎ᠡ ᠡᠳᠡᠭᠡᠳ ᠤᠨ ᠬᠢᠨ ᠯᠤᠭ᠎ᠠ | ᠶᠢᠨ ᠬᠠᠷᠢᠯᠴᠠᠭ᠎ᠠ ᠪᠠᠨ ᠴᠢᠩᠭᠠᠳᠬᠠᠵᠣ᠂ ᠠᠷᠠᠳ ᠤᠨ ᠲᠦᠯᠦᠭᠡᠯᠡᠭᠴᠢᠳ ᠤᠨ ᠵᠦᠪᠯᠡᠯᠭᠡ᠂ ᠣᠯᠣᠰ ᠲᠦᠷᠦ ᠶᠢᠨ ᠵᠦᠪᠯᠡᠯᠡᠭᠡᠨ ᠤ ᠭᠡᠰᠢᠬᠦᠳ ᠤᠨ ᠲᠣᠷᠠᠳᠣᠯᠭ᠎ᠠ ᠶᠢ | 100% ᠪᠠᠷ ᠭᠦᠢᠴᠡᠳᠬᠡᠪᠠ᠃ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠲᠦᠷᠢᠮ ᠪᠣᠯᠣᠨ ᠬᠠᠷᠢᠭᠤᠴᠠᠯᠭ᠎ᠠ | ᠨᠡᠭᠡᠮᠵᠢᠯᠡᠬᠦ ᠲᠦᠷᠢᠮ ᠢ ᠨᠡᠶᠢᠳᠡᠪᠦᠷᠢᠵᠢᠭᠤᠯᠵᠣ᠂ ᠴᠢᠭᠡᠴᠢ ᠵᠠᠰᠠᠭ ᠤᠨ ᠪᠠᠶᠢᠭᠤᠯᠣᠯᠳᠠ ᠶᠢ ᠣᠯᠠᠮ ᠴᠢᠩᠭᠠᠳᠬᠠᠪᠠ᠃ ᠡᠬᠦᠨ ᠠᠴᠠ ᠭᠠᠳᠠᠨ᠎ᠠ᠂ ᠦᠨᠳᠤᠰᠤᠳᠠᠨ | ᠱᠠᠰᠢᠨ ᠰᠤᠷᠳᠠᠬᠤᠨ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠤᠵᠢᠯ᠂ ᠡᠮᠡᠭᠳᠡᠶᠢᠴᠣᠳ ᠬᠡᠤᠬᠡᠤᠨ ᠪᠠᠭᠠᠴᠤᠤᠨ᠂ ᠵᠠᠯᠠᠭᠤᠴᠤᠤᠨ ᠤᠨ ᠡᠪᠯᠡᠯ᠂ ᠲᠠᠩᠰᠠ | ᠡᠪᠬᠡᠮᠡᠯ᠂ ᠲᠤᠭ᠎ᠠ ᠪᠦᠷᠢᠳᠬᠡᠯ᠂ ᠴᠠᠭ ᠠᠭᠤᠷ ᠵᠡᠷᠬᠡ ᠠᠵᠢᠯ ᠴᠦᠮ ᠰᠢᠨ᠎ᠠ ᠪᠦᠳᠦᠮᠵᠢ ᠣᠯᠪᠠ᠃ | ᠲᠦᠯᠦᠭᠡᠯᠡᠭᠴᠢᠳ ᠡ᠂ ᠦᠩᠭᠡᠷᠡᠭᠰᠡᠨ ᠲᠠᠪᠣᠨ ᠵᠢᠯ ᠳᠤ ᠬᠤᠰᠢᠭᠤ ᠲᠠᠶᠠᠭᠠᠷ ᠢᠶᠠᠨ ᠬᠦᠴᠦᠨ ᠵᠣᠷᠢᠭ ᠢᠶᠠᠨ ᠡᠷᠴᠢᠯᠠᠨ ᠠᠷᠠᠳ ᠢᠶᠠᠨ ᠪᠠᠶᠠᠵᠢᠭᠤᠯᠣᠨ | ᠬᠤᠰᠢᠭᠤ ᠪᠠᠨ ᠬᠦᠴᠦᠷᠬᠡᠭᠵᠢᠬᠦᠯᠬᠦ ᠬᠦᠭᠵᠢᠯᠳᠠ ᠶᠢ ᠪᠠᠷᠢᠮᠳᠠᠯᠠᠭᠠᠳ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠢᠶᠠᠷ ᠲᠣᠯᠣᠭᠠᠶᠢᠯᠠᠭᠴᠢ ᠪᠣᠯᠭᠠᠨ᠂ | ᠲᠣᠮᠣ ᠲᠦᠷᠣᠯ ᠵᠣᠶᠢᠯ ᠤᠨ ᠣᠷᠣᠨᠵᠢᠯᠳᠠ ᠶᠢ ᠬᠦᠴᠦᠳᠠᠢ ᠠᠬᠢᠭᠤᠯᠵᠣ᠂ ᠴᠠᠬᠢᠯᠭᠠᠨ ᠬᠦᠷᠬᠡᠬᠦ ᠱᠣᠭᠤᠮ ᠤᠨ ᠵᠦᠪᠰᠢᠶᠡᠷᠡᠯ ᠢᠶᠠᠷ ᠪᠡᠯᠭᠡ ᠲᠡᠮᠳᠡᠭ ᠪᠣᠯᠭᠠᠵᠣ᠂ ᠮᠠᠨ | ᠤ ᠬᠤᠰᠢᠭᠤᠨ ᠤ ᠬᠦᠭᠵᠢᠯᠳᠠ ᠶᠢᠨ ᠰᠢᠨ᠎ᠠ ᠴᠠᠭ ᠦᠶ᠎ᠡ ᠶᠢ ᠣᠭᠳᠣᠪᠠ᠃ ᠦᠩᠭᠡᠷᠡᠭᠰᠡᠨ ᠲᠠᠪᠣᠨ ᠵᠢᠯ ᠳᠤ ᠪᠦᠬᠦ ᠬᠤᠰᠢᠭᠤ ᠪᠠᠷ ᠢᠶᠠᠨ ᠬᠤᠳᠠ ᠬᠦᠳᠡᠭᠡ ᠶᠢᠨ | ᠨᠢᠭᠡᠳᠦᠯᠳᠡᠢ ᠲᠦᠯᠦᠪᠵᠢᠭᠦᠯᠦᠭᠰᠡᠨ ᠲᠣᠷᠰᠢᠯᠳᠠ ᠶᠢᠨ ᠲᠡᠣᠬᠡᠴᠢ ᠲᠣᠬᠢᠶᠠᠯ ᠢ ᠡᠵᠡᠮᠳᠡᠵᠣ᠂ ᠬᠤᠳᠠ ᠬᠦᠳᠡᠭᠡ ᠶᠢᠨ ᠴᠣᠭᠴᠠᠵᠢᠭᠰᠠᠨ ᠬᠦᠭᠵᠢᠯᠳᠠ ᠶᠢ ᠠᠬᠢᠭᠤᠯᠣᠨ᠂ | ᠬᠤᠳᠠ ᠬᠦᠳᠡᠭᠡ ᠶᠢᠨ ᠲᠦᠷᠰᠦ ᠪᠠᠶᠢᠳᠠᠯ ᠲᠤ ᠯᠣᠳᠣ ᠶᠡᠭᠡ ᠬᠤᠪᠢᠷᠠᠯᠳᠠ ᠭᠠᠷᠭᠠᠪᠠ᠃ ᠦᠩᠭᠡᠷᠡᠭᠰᠡᠨ ᠲᠠᠪᠣᠨ ᠵᠢᠯ ᠳᠤ ᠪᠦᠬᠦ ᠬᠤᠰᠢᠭᠤ ᠪᠠᠷ ᠢᠶᠠᠨ ︽ᠠᠷᠪᠠ ᠶᠢ | ᠨᠡᠶᠢᠳᠡᠮ ᠪᠡᠶᠡᠯᠡᠬᠦᠯᠬᠦ︾ ᠢᠨᠵᠧᠨᠧᠷᠢᠩ ᠢ ᠬᠡᠷᠡᠭᠵᠢᠬᠦᠯᠵᠣ᠂ ︽ᠵᠢᠷᠭᠤᠭ᠎ᠠ ᠶᠢ ᠴᠣᠭᠴᠠᠵᠢᠭᠤᠯᠬᠤ︾᠂ ︽ᠭᠤᠷᠪᠠᠨ ᠲᠦᠷᠦᠯ ᠤᠨ ᠪᠠᠶᠢᠭᠤᠯᠣᠯᠳᠠ︾ ᠶᠢ ᠬᠠᠮᠳᠦ | ᠳᠤ ᠨᠢ ᠠᠬᠢᠭᠤᠯᠵᠣ᠂ ᠡᠨᠡᠬᠦ ᠠᠷᠠᠳ ᠤᠨ ᠠᠮᠢᠳᠣᠷᠠᠯ ᠤᠨ ᠢᠨᠵᠧᠨᠧᠷᠢᠩ᠂ ᠠᠷᠠᠳ ᠲᠤ ᠲᠠᠭᠠᠰᠢᠶᠠᠭᠳᠠᠬᠤ ᠢᠨᠵᠧᠨᠧᠷᠢᠩ᠂ ᠬᠦᠭᠵᠢᠯᠳᠠ ᠶᠢᠨ ᠢᠨᠵᠧᠨᠧᠷᠢᠩ ᠢ ᠮᠠᠨ | ᠤ ᠬᠤᠰᠢᠭᠤᠨ ᠳᠤ ᠪᠣᠳᠠᠳᠠᠢ ᠨᠡᠶᠢᠳᠡᠪᠦᠷᠢᠵᠢᠭᠤᠯᠪᠠ᠃ ᠦᠨᠦᠳᠦᠷ ᠤᠨ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠶᠢᠨ ᠪᠣᠳᠠᠳᠦ ᠬᠦᠴᠦᠨ ᠨᠡᠩ | ᠴᠢᠩᠭᠠᠳᠴᠦ᠂ ᠰᠠᠭᠤᠷᠢ ᠨᠦᠭᠦᠴᠡᠯ ᠨᠡᠩ ᠰᠠᠶᠢᠵᠢᠷᠠᠵᠣ᠂ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠨᠡᠩ ᠴᠢᠯᠦᠭᠡᠯᠡᠭᠳᠡᠨ᠂ ᠣᠶᠢᠯᠠᠰ ᠪᠦᠳᠦᠭᠡᠬᠦ ᠡᠷᠴᠢ ᠵᠣᠷᠢᠭ | ᠨᠡᠩ ᠴᠢᠩᠭᠠᠷᠠᠵᠣ᠂ ᠮᠠᠨ ᠤ ᠬᠤᠰᠢᠭᠤᠨ ᠤ᠂ ᠭᠡᠭᠡᠨ ᠰᠠᠷᠠᠭᠤᠯ ᠢᠷᠡᠭᠡᠳᠦᠢ ᠶᠢᠨ ᠴᠣᠭᠴᠠᠯᠠᠯᠳᠠ ᠳᠤ ᠨᠡᠩ ᠢᠳᠡᠷᠡᠭᠦᠨ ᠵᠢᠪᠬᠤᠭᠠᠯᠢᠭ ᠵᠦᠪ ᠡᠨᠧᠷᠬᠢ | ᠬᠤᠷᠠᠮᠳᠣᠭᠤᠯᠣᠭᠰᠠᠨ ᠪᠠᠶᠢᠨ᠎ᠠ᠃ ᠲᠠᠪᠣᠨ ᠵᠢᠯ ᠤᠨ ᠬᠦᠭᠵᠢᠯᠳᠠ ᠶᠢᠨ ᠠᠶᠠᠨ ᠬᠦᠴᠢᠷ ᠪᠡᠷᠬᠡ ᠶᠢ ᠰᠦᠷᠴᠦ᠂ ᠲᠠᠪᠣᠨ ᠵᠢᠯ ᠤᠨ ᠬᠦᠭᠵᠢᠯᠳᠠ ᠶᠢᠨ ᠦᠷ᠎ᠡ ᠪᠦᠳᠦᠭᠡᠯ | ᠣᠷᠮ᠎ᠠ ᠵᠣᠷᠢᠭ᠎ᠠ ᠢ ᠣᠯᠠᠮ ᠬᠦᠪᠴᠢᠯᠡᠭᠰᠡᠨ ᠪᠠᠶᠢᠨ᠎ᠠ᠃ ᠡᠨᠡ ᠪᠣᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ | ᠤ ᠬᠦᠴᠦᠳᠦ ᠣᠳᠣᠷᠢᠳᠣᠯᠭ᠎ᠠ ᠶᠢᠨ ᠦᠷ᠎ᠡ ᠪᠦᠳᠦᠭᠡᠯ᠂ ᠪᠦᠬᠦ ᠬᠤᠰᠢᠭᠤ ᠪᠠᠷ ᠢᠶᠠᠨ ᠪᠦᠯᠬᠦᠮᠳᠡᠨ ᠨᠢᠭ᠌ᠳᠡᠷᠡᠵᠣ᠂ ᠰᠢᠷᠭᠠᠭᠤ ᠲᠡᠮᠴᠡᠭᠰᠡᠨ ᠦᠷ᠎ᠡ ᠪᠦᠳᠦᠮᠵᠢ ᠪᠣᠯᠣᠨ᠎ᠠ | ᠃ ᠠᠳᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠲᠦᠯᠦᠭᠡᠯᠡᠭᠴᠢᠳ ᠪᠣᠯᠣᠨ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ ᠪᠦᠬᠦ | ᠬᠤᠰᠢᠭᠤᠨ ᠤ ᠡᠯ᠎ᠡ ᠥᠨᠳᠤᠰᠤᠳᠠᠨ ᠤ ᠺᠠᠳ᠋ᠷ ᠤᠯᠠᠨ ᠲᠥᠮᠡᠨ ᠪᠠ ᠤᠲᠤᠭ ᠤᠨ ᠡᠮᠤᠨᠡᠲᠤ ᠬᠤᠰᠢᠭᠤᠨ ᠤ ᠪᠠᠶᠢᠭᠤᠯᠤᠯᠳᠠ ᠬᠦᠭᠵᠢᠯᠲᠡ ᠶᠢ ᠬᠠᠯᠠᠮᠵᠢᠯᠠᠨ | ᠲᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ | ᠪᠠᠶᠢᠨ᠎ᠠ᠃ | ᠪᠢᠲᠡ ᠠᠮᠵᠢᠯᠲᠡ ᠪᠠᠨ ᠨᠤᠳᠠᠯᠠᠬᠤ ᠶᠢᠨ ᠬᠠᠮᠲᠤ ᠬᠦᠭᠵᠢᠯᠳᠠ ᠶᠢᠨ ᠲᠣᠮᠳᠠ ᠲᠣᠯᠭᠠᠷᠠᠵᠣ ᠪᠠᠶᠢᠭ᠎ᠠ ᠵᠦᠷᠢᠴᠡᠯ ᠪᠣᠯᠣᠨ ᠠᠰᠠᠭᠤᠳᠠᠯ ᠲᠣᠪᠣᠶᠢᠮ᠎ᠠ ᠪᠠᠶᠢᠬᠤ ᠶᠢ | ᠰᠡᠷᠭᠡᠭ ᠢᠶᠠᠷ ᠲᠠᠨᠢᠬᠤ ᠬᠡᠷᠡᠭᠲᠡᠢ᠄ ᠶᠡᠷᠦᠩᠭᠡᠢ ᠬᠡᠮᠵᠢᠶ᠎ᠡ ᠪᠠᠭ᠎ᠠ᠂ ᠬᠦᠭᠵᠢᠯᠲᠡ ᠬᠦᠢᠴᠡᠳ ᠪᠣᠰᠣ᠂ ᠣᠯᠠᠮᠵᠢᠯᠠᠯᠳᠦ ᠠᠵᠣ ᠣᠶᠢᠯᠠᠰ ᠤᠨ ᠨᠡᠮᠡᠭᠳᠡᠯ ᠤᠨ ᠬᠦᠴᠦᠨ | ᠲᠣᠳᠠᠮᠠᠭ᠂ ᠰᠢᠨ᠎ᠠ ᠠᠵᠣ ᠣᠶᠢᠯᠠᠰ ᠣᠬᠤᠷᠬᠠᠨ ᠬᠤᠭᠤᠴᠠᠭᠠᠨ ᠤ ᠲᠣᠳᠣᠷ᠎ᠠ ᠪᠦᠳᠦᠮᠵᠢᠳᠠᠢ ᠲᠣᠯᠭᠠᠭᠤᠷᠢᠯᠠᠯ ᠪᠦᠷᠢᠯᠳᠦᠬᠦᠯᠬᠦ ᠳᠤ ᠬᠦᠴᠢᠷ ᠪᠠᠶᠢᠭ᠎ᠠ ᠨᠢ ᠮᠦᠨ ᠯᠡ | ᠬᠤᠰᠢᠭᠤᠨ ᠤ ᠪᠣᠳᠠᠳᠦ ᠪᠠᠶᠢᠳᠠᠯ ᠪᠠᠶᠢᠭᠰᠠᠭᠠᠷ︔ ᠬᠤᠳᠠ ᠬᠦᠳᠡᠭᠡ ᠣᠷᠣᠨ ᠬᠡᠪᠴᠢᠶᠠᠨ ᠤ ᠬᠦᠭᠵᠢᠯᠳᠠ ᠵᠣᠬᠢᠴᠠᠩᠭᠤᠢ ᠪᠣᠰᠣ᠂ ᠭᠤᠷᠪᠠᠨ ᠠᠵᠣ ᠣᠶᠢᠯᠠᠰ ᠤᠨ | ᠬᠦᠭᠵᠢᠯᠳᠠ ᠲᠡᠩᠴᠡᠭᠦᠷᠢ ᠦᠭᠡᠢ᠂ ᠰᠠᠭᠤᠷᠢ ᠲᠣᠯᠭᠠᠭᠤᠷᠢᠯᠠᠯ ᠲᠣᠳᠠᠮᠠᠭ ᠵᠡᠷᠭᠡ ᠠᠰᠠᠭᠤᠳᠠᠯ ᠲᠣᠪᠣᠶᠢᠮ᠎ᠠ ᠪᠣᠢ︔ ᠨᠡᠶᠢᠭᠡᠮ ᠤᠨ ᠵᠠᠰᠠᠯᠳᠠ ᠶᠢᠨ ᠰᠢᠨᠡᠴᠢᠯᠠᠯ᠂ ᠠᠮᠦᠷ | ᠲᠣᠭᠳᠠᠭᠤᠨ ᠤ ᠬᠠᠮᠠᠭᠠᠯᠠᠯᠳᠠ ᠳᠤ ᠴᠦᠬᠡᠨ ᠪᠣᠰᠣ ᠰᠢᠨ᠎ᠠ ᠠᠰᠠᠭᠤᠳᠠᠯ ᠲᠣᠯᠭᠠᠷᠠᠵᠣ ᠪᠣᠢ︔ ᠵᠠᠰᠠᠭ ᠤᠨ ᠣᠷᠳᠣᠨ ᠤ ᠴᠢᠳᠠᠪᠬᠢ ᠶᠢᠨ ᠬᠤᠪᠢᠷᠠᠭᠤᠯᠣᠯᠳᠠ | ᠪᠦᠷᠢᠮᠦᠰᠦᠨ ᠣᠷᠣᠨᠵᠢᠭᠠᠳᠦᠢ᠂ ᠴᠢᠩᠭ᠎ᠠ ᠪᠣᠳᠠᠳᠠᠢ ᠪᠣᠰᠣ ᠠᠰᠠᠭᠤᠳᠠᠯ ᠠᠳᠠᠯᠢ ᠪᠣᠰᠣ ᠬᠡᠮᠵᠢᠶ᠎ᠡ ᠲᠠᠢ ᠣᠷᠣᠰᠢᠵᠣ ᠪᠣᠢ᠃ ᠡᠳᠡᠭᠡᠷ ᠠᠰᠠᠭᠤᠳᠠᠯ ᠢ ᠪᠢᠲᠠ ᠡᠷᠴᠢᠮᠲᠡᠢ | ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠤᠷᠢᠯᠡᠬᠦ ᠴᠢᠬᠤᠯᠠ ᠲᠠᠢ ᠪᠠᠶᠢᠨ᠎ᠠ᠃ | ᠲᠦᠯᠦᠭᠡᠯᠡᠭᠴᠢᠳ ᠡ᠂ ᠲᠠᠪᠣᠨ ᠵᠢᠯ ᠤᠨ ᠣᠶᠢᠯᠠᠳᠦᠯᠬᠡ ᠶᠢᠨ ᠪᠢᠳᠠᠨ ᠳᠤ ᠣᠯᠭᠤᠭᠰᠠᠨ ᠲᠦᠷᠦᠭᠳᠠᠯ ᠪᠣᠯ᠄ ᠡᠷᠬᠡᠪᠰᠢ ᠬᠦᠭᠵᠢᠯᠳᠠ ᠶᠢ ᠲᠡᠷᠢᠬᠦᠨ ᠴᠢᠬᠤᠯᠠ | ᠪᠠᠶᠢᠷᠢᠨ ᠳᠤ ᠲᠠᠯᠪᠢᠵᠣ᠂ ᠠᠵᠠ ᠲᠣᠬᠢᠶᠠᠯ ᠢ ᠡᠵᠡᠮᠳᠠᠨ ᠬᠦᠭᠵᠢᠯᠳᠠ ᠶᠢᠨ ᠬᠡᠯᠪᠡᠷᠢ ᠪᠠᠨ ᠬᠤᠪᠢᠷᠠᠭᠤᠯᠵᠣ᠂ ᠪᠦᠳᠦᠭᠡᠯᠴᠢ ᠪᠠᠷ ᠠᠵᠢᠯᠯᠠᠪᠠᠯ ᠰᠠᠶ᠋ᠢ ᠲᠣᠬᠢᠶᠠᠯ ᠢ | ᠰᠠᠶᠢᠳᠦᠷ ᠠᠰᠢᠭᠯᠠᠨ ᠰᠠᠨᠠᠭᠠᠴᠢᠯᠠᠭᠠᠳᠠᠢ ᠪᠠᠷ ᠲᠠᠪᠠᠭᠤᠯᠢᠭ ᠨᠦᠬᠦᠴᠡᠯ ᠢ ᠡᠬᠦᠳᠴᠦ ᠴᠢᠳᠠᠨ᠎ᠠ︔ ᠡᠷᠬᠡᠪᠰᠢ ᠠᠷᠠᠳ ᠤᠨ ᠠᠮᠢᠳᠣᠷᠠᠯ ᠢ ᠲᠡᠷᠢᠭᠦᠨ ᠪᠠᠶᠢᠷᠢᠨ ᠳᠤ | ᠲᠠᠯᠪᠢᠵᠣ᠂ ᠠᠷᠠᠳ ᠤᠨ ᠲᠦᠯᠦᠭᠡ ᠡᠷᠬᠡ ᠪᠠᠨ ᠬᠡᠷᠡᠭᠯᠡᠨ ᠪᠣᠳᠠᠳᠦ ᠣᠴᠢᠷ ᠪᠦᠳᠦᠭᠡᠪᠠᠯ ᠰᠠᠶ᠋ᠢ ᠠᠷᠠᠳ ᠤᠨ ᠰᠡᠳᠬᠢᠯ ᠢ ᠣᠯᠵᠣ᠂ ᠬᠦᠭᠵᠢᠯᠳᠠ ᠶᠢᠨ ᠨᠢᠭᠳᠠᠷᠠᠯ | ᠬᠦᠴᠦᠨ ᠢ ᠪᠦᠷᠢᠯᠳᠦᠬᠦᠯᠵᠣ ᠴᠢᠳᠠᠨ᠎ᠠ︔ ᠡᠷᠬᠡᠪᠰᠢ ᠦᠭᠡᠷᠡᠴᠢᠯᠡᠯᠡᠳᠠ ᠰᠢᠨᠡᠴᠢᠯᠡᠯᠳᠠ ᠶᠢ ᠪᠠᠷᠢᠮᠳᠠᠯᠠᠵᠣ᠂ ᠲᠦᠷᠢᠮ ᠪᠣᠯᠣᠨ ᠲᠦᠷᠦ ᠶᠢᠨ ᠪᠣᠳᠣᠯᠭ᠎ᠠ ᠶᠢᠨ | ᠰᠢᠨᠡᠴᠢᠯᠡᠯᠳᠠ ᠪᠠᠷ ᠬᠦᠭᠵᠢᠯᠳᠠ ᠶᠢᠨ ᠬᠦᠳᠡᠯᠬᠡᠬᠦ ᠬᠦᠴᠦᠨ ᠪᠣᠯᠭᠠᠵᠣ᠂ ᠵᠣᠷᠢᠭᠳᠠᠢ ᠰᠦᠪᠡᠭᠴᠢᠯᠡᠨ ᠲᠡᠷᠢᠭᠦᠯᠡᠨ ᠲᠣᠷᠰᠢᠪᠠᠯ ᠰᠠᠶ᠋ᠢ ᠬᠦᠭᠵᠢᠯᠳᠠ ᠶᠢᠨ ᠠᠮᠢᠳᠣᠯᠢᠭ | ᠬᠦᠴᠦᠨ ᠢ ᠦᠷᠬᠦᠯᠵᠢᠯᠡᠨ ᠨᠡᠮᠡᠭᠳᠡᠭᠦᠯᠵᠣ ᠴᠢᠳᠠᠨ᠎ᠠ︔ ᠡᠷᠬᠡᠪᠰᠢ ︽ᠭᠤᠷᠪᠠᠨ ᠴᠢᠩᠭ᠎ᠠ ᠭᠤᠷᠪᠠᠨ ᠪᠣᠳᠠᠳᠠᠢ︾ ᠱᠠᠭᠠᠷᠳᠠᠯᠭ᠎ᠠ ᠶᠢ ᠪᠠᠷᠢᠮᠳᠠᠯᠠᠵᠣ᠂ ︽ᠲᠣᠭᠳᠠᠪᠠᠯ | ᠬᠢᠵᠣ︾᠂ ︽ᠲᠠᠷᠦᠶᠢᠬᠠᠨ ᠬᠦᠢᠴᠡᠳᠬᠡᠭᠦ︾ ᠦᠵᠡᠯᠳᠠ ᠶᠢ ᠪᠠᠳᠣᠰᠢᠭᠤᠯᠪᠠᠯ ᠰᠠᠶ᠋ᠢ ᠠᠵᠢᠯ ᠤᠨ ᠨᠡᠶᠢᠳᠡᠪᠦᠷᠢᠵᠢᠭᠤᠯᠣᠯᠳᠠ ᠶᠢ ᠪᠦᠳᠦᠮᠵᠢᠳᠠᠢ ᠠᠬᠢᠭᠤᠯᠵᠣ ᠴᠢᠳᠠᠨ᠎ᠠ᠃ | ᠪᠢᠳᠠ ᠡᠳᠡᠭᠡᠷ ᠳᠤᠷᠰᠢᠯᠭ᠎ᠠ ᠪᠠᠨ ᠪᠠᠳᠣ ᠡᠵᠡᠮᠳᠡᠵᠣ᠂ ᠰᠢᠨ᠎ᠠ ᠣᠶᠢᠯᠠᠳᠦᠯᠭᠡ ᠲᠣᠮᠳᠠ ᠪᠠᠨ ᠲᠠᠰᠣᠷᠠᠯᠳᠠ ᠦᠭᠡᠢ ᠪᠠᠶᠠᠯᠢᠭᠵᠢᠭᠤᠯᠣᠨ᠎ᠠ᠃ | ᠬᠤᠶᠠᠷ᠂ ︽ᠠᠷᠪᠠᠨ ᠭᠤᠷᠪᠠᠳᠦᠭᠠᠷ ᠲᠠᠪᠣᠨ ᠵᠢᠯ︾ ᠤᠨ ᠬᠤᠭᠤᠴᠠᠭᠠᠨ ᠤ ᠦᠨᠳᠦᠰᠦᠨ ᠰᠡᠳᠬᠢᠴᠠ ᠪᠣᠯᠣᠨ ᠭᠤᠣᠯ ᠡᠬᠦᠷᠭᠡ | ︽ᠠᠷᠪᠠᠨ ᠭᠤᠷᠪᠠᠳᠦᠭᠠᠷ ᠲᠠᠪᠣᠨ ᠵᠢᠯ ᠤᠨ ᠬᠤᠭᠤᠴᠠᠭ᠎ᠠ︾ ᠪᠣᠯ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠡᠯᠪᠡᠷᠢ ᠶᠢ ᠬᠤᠪᠢᠷᠠᠭᠤᠯᠬᠤ | ᠬᠦᠭᠵᠢᠯᠳᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠮᠦᠨ ᠴᠦ ᠪᠦᠬᠦ ᠣᠷᠣᠨ ᠤ ᠬᠡᠪᠴᠢᠶᠠᠨ ᠳᠤ ᠴᠢᠨᠡᠭᠡᠯᠢᠭ ᠨᠡᠶᠢᠭᠡᠮ ᠢ ᠲᠦᠷᠦᠬᠦᠯᠡᠨ ᠪᠠᠶᠢᠭᠤᠯᠬᠤ | ᠰᠢᠢᠳᠪᠦᠷᠢᠳᠦ ᠬᠤᠭᠤᠴᠠᠭ᠎ᠠ ᠪᠣᠯᠣᠨ᠎ᠠ᠃ ᠬᠤᠰᠢᠭᠤ ᠨᠠᠮ ᠤᠨ ᠬᠤᠷᠢᠶᠠᠨ ᠤ ︽ᠠᠷᠪᠠᠨ ᠭᠤᠷᠪᠠᠳᠦᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠰᠠᠨᠠᠭᠤᠯᠭ᠎ᠠ | ᠶᠢ ᠦᠨᠳᠦᠰᠦᠯᠡᠪᠠᠯ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠠ ᠶᠢᠨ ᠬᠤᠶᠢᠰᠢᠳᠠ ᠶᠢᠨ ᠲᠠᠪᠣᠨ ᠵᠢᠯ ᠤᠨ ᠵᠢᠯᠤᠭᠤᠤᠨᠬᠤ ᠦᠵᠠᠯ ᠰᠠᠨᠠᠭ᠎ᠠ | ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠ ᠲᠦᠷᠪᠠ ᠲᠠᠪᠣᠳᠦᠭᠠᠷ ᠪᠦᠬᠦᠳᠡ ᠬᠤᠷᠠᠯᠳᠤᠭᠠᠨ ᠤ ᠵᠤᠷᠢᠭ | ᠰᠠᠨᠠᠭ᠎ᠠ ᠪᠣᠯᠣᠨ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠪᠠᠶᠢᠴᠠᠭᠠᠯᠳᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠦᠪᠡᠷᠳᠡᠭᠡᠨ ᠵᠠᠰᠠᠬᠤ ᠣᠷᠣᠨ ᠤ ︽8337︾ ᠬᠦᠭᠵᠢᠭᠦᠯᠦᠯᠳᠠ ᠶᠢᠨ ᠰᠡᠳᠬᠢᠴᠡᠵᠢ ᠬᠦᠨᠵᠡᠬᠡᠢ ᠲᠣᠣᠱᠯᠠᠭᠤᠯᠵᠣ᠂ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠦᠭᠡᠷ ᠪᠦᠬᠦᠳᠠ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠭᠤᠷᠪᠠᠳᠦᠭᠠᠷ ᠬᠤᠭᠤᠴᠠᠭᠠᠨ ᠤ | ᠲᠣᠯᠣᠳᠦᠭᠠᠷ ᠪᠦᠬᠦᠳᠠ ᠬᠤᠷᠠᠯ ᠪᠣᠯᠣᠨ ᠬᠤᠰᠢᠭᠤ ᠨᠠᠮ ᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠨᠠᠶᠢᠳᠡᠪᠦᠷᠢᠵᠢᠭᠤᠯᠵᠣ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠠᠷᠢᠮᠳᠠᠯᠠᠵᠣ᠂ ᠠᠵᠣ ᠠᠬᠤᠢ | ᠶᠢᠨ ᠬᠦᠭᠵᠢᠯᠳᠠ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠭ᠎ᠠ ᠲᠠᠢ ᠵᠣᠬᠢᠴᠠᠵᠣ᠂ ᠰᠢᠨᠡᠴᠢᠯᠡᠯᠳᠠ ᠲᠠᠢ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠠ ᠲᠠᠢ᠂ | ᠬᠠᠮᠳᠦ ᠡᠳ᠋ᠯᠡᠬᠦ ᠬᠦᠭᠵᠢᠯᠳᠠ ᠶᠢᠨ ᠦᠵᠡᠯᠳᠠ ᠶᠢ ᠪᠠᠳᠣ ᠱᠣᠭᠤᠵᠣ᠂ ᠦᠭᠡᠷᠡᠴᠢᠯᠡᠯᠡᠳᠠ ᠰᠢᠨᠡᠴᠢᠯᠡᠯᠳᠠ ᠪᠠᠷ ᠬᠦᠳᠡᠯᠬᠡᠬᠦ ᠬᠦᠴᠦᠨ ᠪᠣᠯᠭᠠᠨ᠂ ᠬᠡᠯᠪᠡᠷᠢ ᠶᠢ | ᠬᠤᠪᠢᠷᠠᠭᠤᠯᠣᠨ ᠲᠡᠰ ᠲᠡᠪᠰᠢᠭᠦᠯᠬᠦ ᠪᠠᠷ ᠭᠤᠣᠯ ᠪᠣᠯᠭᠠᠵᠣ᠂ ᠬᠠᠣᠯᠢ ᠪᠠᠷ ᠬᠤᠰᠢᠭᠤ ᠪᠠᠨ ᠵᠠᠰᠠᠬᠤ ᠪᠠᠷ ᠪᠠᠳᠣᠯᠠᠭ᠎ᠠ ᠪᠣᠯᠭᠠᠨ᠂ ᠠᠵᠣ ᠠᠬᠤᠢ᠂ ᠣᠯᠣᠰ ᠲᠦᠷᠦ᠂ | ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠨᠢᠭᠡᠳᠦᠯᠳᠡᠢ ᠲᠦᠯᠦᠪᠯᠡᠨ ᠠᠬᠢᠭᠤᠯᠵᠣ᠂ ᠪᠦᠬᠦ ᠬᠤᠰᠢᠭᠤᠨ ᠤ ᠡᠯ᠎ᠡ ᠲᠦᠷᠦᠯ ᠤᠨ | ᠠᠵᠢᠯ ᠢ ᠪᠦᠬᠦ ᠬᠤᠳᠠ ᠶᠢᠨ ᠲᠡᠷᠢᠭᠦᠨ ᠤ ᠡᠩᠨᠡᠭᠡᠨ ᠳᠤ ᠣᠷᠣᠭᠤᠯᠵᠣ᠂ ᠦᠭᠭᠢᠶᠡᠮᠦᠷ ᠨᠠᠶᠢᠷᠠᠮᠳᠠᠭᠤ ᠦᠵᠡᠰᠬᠦᠯᠡᠩᠳᠦ ᠰᠠᠶᠢᠬᠠᠨ ᠡᠮᠦᠨᠡᠳᠦ ᠣᠳᠤᠭ ᠢ ᠴᠣᠭᠴᠠᠯᠠᠨ᠎ᠠ᠃ | | ᠶᠡᠷᠦᠩᠭᠡᠢ ᠬᠠᠷᠠᠯᠳᠠ ᠪᠤᠯ᠄ ︽ᠭᠤᠷᠪᠠ ᠶᠢ ᠲᠦᠷᠪᠡ ᠲᠠᠬᠢᠨ ᠪᠣᠯᠭᠠᠬᠤ᠂ ᠬᠤᠶᠠᠷ ᠢ ᠬᠤᠶᠠᠷ ᠳᠠᠬᠢᠨ ᠪᠤᠯᠭᠠᠬᠤ᠂ ᠨᠢᠭᠡ ᠶᠢ ᠣᠷᠢᠳᠴᠢᠯᠠᠨ ᠪᠦᠬᠦ ᠲᠠᠯ᠎ᠠ ᠪᠠᠷ | ᠪᠡᠶᠡᠯᠡᠬᠦᠯᠬᠦ︾᠃ ᠲᠠᠷᠣᠢ 2020 ᠣᠨ ᠪᠣᠯᠬᠤ ᠳᠤ᠂ ᠭᠠᠵᠠᠷ ᠤᠷᠤᠨ ᠤ ᠥᠢᠯᠡᠳᠪᠤᠷᠢᠯᠡᠯ ᠤᠨ ᠶᠡᠷᠥᠩᠬᠡᠢ ᠥᠷᠳᠡᠭ᠂ ᠪᠦᠬᠦ ᠨᠡᠶᠢᠭᠡᠮ ᠤᠨ ᠲᠤᠭᠳᠠᠮᠠᠯ ᠬᠥᠷᠥᠩᠬᠡ | ᠶᠢᠨ ᠪᠡᠯᠡ ᠤᠷᠤᠭᠤᠯᠤᠯᠳᠠ ᠪᠣᠯᠣᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 2010 ᠣᠨ ᠤ ᠲᠦᠷᠪᠡ ᠲᠠᠬᠢᠨ ᠪᠣᠯᠭᠠᠵᠣ᠂ ᠪᠦᠬᠦ | ᠣᠷᠣᠨ ᠤ ᠬᠤᠰᠢᠭᠤ ᠰᠢᠶᠠᠨ ᠤ ᠨᠡᠷᠡᠰ ᠵᠢᠭᠰᠠᠭᠠᠯᠳᠠ ᠳᠤ ᠲᠡᠰ ᠲᠠᠪᠰᠢᠵᠣ᠂ ᠶᠡᠷᠦᠩᠭᠡᠶᠢᠯᠡᠭᠰᠡᠨ ᠪᠣᠳᠠᠳᠦ ᠬᠦᠴᠦᠨ ᠪᠣᠯᠣᠨ ᠦᠷᠢᠰᠬᠦ ᠬᠦᠴᠦᠨ ᠢ ᠢᠯᠡᠷᠬᠡᠢ | ᠴᠢᠩᠭᠠᠳᠬᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠣᠳᠣᠮ ᠤᠨ ᠡᠵᠡᠮᠳᠡᠵᠣ ᠪᠣᠯᠬᠤ ᠣᠷᠣᠯᠭ᠎ᠠ ᠶᠢ 2010 ᠣᠨ ᠤ ᠬᠤᠶᠠᠷ ᠲᠠᠬᠢᠨ | ᠠᠴᠠ ᠲᠠᠪᠠᠭᠤᠯᠣᠨ ᠪᠦᠬᠦ ᠬᠤᠳᠠ᠂ ᠪᠦᠬᠦ ᠣᠷᠣᠨ ᠤ ᠲᠡᠷᠢᠭᠦᠨ ᠤ ᠡᠩᠨᠡᠭᠡᠨ ᠳᠤ ᠣᠷᠣᠭᠤᠯᠵᠣ᠂ ᠦᠪᠡᠷᠳᠡᠭᠡᠨ ᠵᠠᠰᠠᠬᠤ ᠣᠷᠣᠨ ᠳᠤ ᠪᠠᠨ ᠣᠷᠢᠳᠴᠢᠯᠠᠨ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ᠎ᠠ᠃ | ︵ᠨᠢᠭᠡ︶ ᠰᠢᠨᠡᠴᠢᠯᠡᠯ ᠲᠠᠢ ᠬᠦᠭᠵᠢᠯᠳᠠ ᠶᠢᠨ ᠦᠵᠡᠯᠳᠠ ᠶᠢ ᠪᠠᠷᠢᠮᠳᠠᠯᠠᠵᠣ᠂ ᠠᠵᠣ ᠣᠶᠢᠯᠠᠰ ᠤᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠭᠦᠯᠬᠦ ᠶᠢ | ᠠᠬᠢᠭᠤᠯᠣᠨ᠎ᠠ᠃ ᠠᠵᠣ ᠣᠶᠢᠯᠠᠰ ᠤᠨ ᠬᠡᠯᠪᠡᠷᠢ ᠶᠢ ᠬᠤᠪᠢᠷᠠᠭᠤᠯᠣᠨ ᠭᠦᠨᠵᠡᠭᠡᠶᠢᠷᠡᠭᠦᠯᠵᠣ ᠰᠢᠨᠡᠴᠢᠯᠡᠬᠦ ᠪᠠᠷ ᠬᠦᠳᠡᠯᠭᠡᠭᠴᠢ ᠬᠦᠴᠦᠨ ᠪᠣᠯᠭᠠᠨ᠂ ᠡᠯ᠎ᠡ ᠲᠦᠷᠤᠯ ᠤᠨ | ᠬᠦᠴᠤᠨ ᠵᠦᠢᠯ ᠤᠨ ᠪᠠᠳᠤᠯᠠᠭ᠎ᠠ ᠶᠢ ᠴᠢᠩᠭᠠᠤᠨᠬᠠᠵᠤ᠂ ᠰᠢᠨ᠎ᠡ ᠮᠡᠷᠭᠡᠵᠢᠯ᠂ ᠰᠢᠨ᠎ᠠ ᠠᠵᠣ ᠣᠶᠢᠯᠠᠰ᠂ ᠰᠢᠨ᠎ᠡ ᠡᠵᠡᠩᠨᠡᠯᠳᠠ ᠶᠢᠨ ᠲᠦᠯᠦᠪ ᠤᠨ ᠬᠦᠭᠵᠢᠯᠳᠠ ᠶᠢ | ᠠᠬᠢᠭᠤᠯᠣᠨ᠎ᠠ᠃ ᠠᠵᠣ ᠣᠶᠢᠯᠠᠳᠪᠦᠷᠢ ᠶᠢᠨ ᠬᠡᠯᠪᠡᠷᠢ ᠶᠢᠨ ᠬᠤᠪᠢᠷᠠᠭᠤᠯᠣᠯᠳᠠ ᠶᠢᠨ ᠪᠣᠳᠣᠯᠭ᠎ᠠ ᠬᠡᠷᠡᠭᠵᠢᠭᠦᠯᠵᠣ᠂ ᠨᠡᠬᠦᠷᠡᠰᠣᠨ ᠤ ᠶᠡᠷᠦᠩᠭᠡᠢ ᠬᠡᠮᠵᠢᠶ᠎ᠠ ᠶᠢ | ᠪᠣᠵᠠᠭᠠᠶᠢᠷᠠᠭᠤᠯᠵᠣ ᠨᠡᠭᠦᠷᠡᠰᠦ ᠴᠠᠬᠢᠯᠭᠠᠨ ᠤ ᠠᠵᠣ ᠣᠶᠢᠯᠠᠰ ᠤᠨ ᠬᠡᠯᠬᠢᠶ᠎ᠡ ᠶᠢ ᠣᠷᠳᠣᠰᠬᠠᠵᠣ᠂ ᠨᠡᠭᠦᠷᠡᠰᠦᠨ ᠤ ᠪᠣᠰᠣ ᠠᠵᠣ ᠣᠶᠢᠯᠠᠰ ᠤᠨ ᠬᠡᠪᠴᠢᠶᠡᠵᠢᠯ ᠢ | ᠦᠷᠭᠡᠳᠬᠡᠵᠣ᠂ ᠣᠯᠠᠨ ᠡᠰᠢᠳᠦ ᠬᠦᠭᠵᠢᠯᠳᠠ᠂ ᠣᠯᠠᠨ ᠲᠣᠶᠢᠯᠳᠦ ᠲᠣᠯᠭᠠᠭᠤᠷᠢᠯᠠᠯ ᠲᠠᠢ ᠠᠵᠣ ᠣᠶᠢᠯᠠᠰ ᠤᠨ ᠰᠢᠰᠲ᠋ᠧᠮ ᠢ ᠪᠦᠷᠢᠯᠳᠦᠬᠦᠯᠦᠨ᠂ ᠣᠯᠣᠰ ᠤᠨ ᠲᠡᠰ | ᠤᠨ ᠪᠣᠬᠢᠷᠳᠣᠯ ᠦᠭᠡᠢ ᠡᠨᠧᠷᠬᠢ ᠶᠢᠨ ᠴᠢᠬᠤᠯᠠ ᠰᠠᠭᠤᠷᠢᠨ᠂ ᠨᠡᠭᠦᠷᠡᠰᠣ ᠴᠠᠬᠢᠯᠭᠠᠨ ᠢ ᠴᠣᠭᠴᠠᠵᠢᠭᠤᠯᠣᠭᠰᠠᠨ ᠡᠷᠬᠢᠯᠳᠡᠳᠦ ᠠᠵᠣ ᠣᠶᠢᠯᠠᠰ ᠤᠨ ᠲᠠᠭᠤᠷᠢᠶᠠᠯ | ᠰᠠᠭᠤᠷᠢᠨ ᠢ ᠪᠠᠶᠢᠭᠤᠯᠣᠨ᠎ᠠ᠃ 2020 ᠣᠨ ᠪᠣᠯᠬᠤ ᠳᠤ᠂ ᠨᠡᠭᠦᠷᠡᠰᠣᠨ ᠤ ᠣᠶᠢᠯᠠᠳᠪᠦᠷᠢᠯᠠᠯ ᠤᠨ ᠴᠢᠳᠡᠪᠬᠢ ᠶᠢ 6000 ᠲᠦᠮᠡᠨ ᠲᠣᠨ᠂ ᠨᠡᠭᠦᠷᠡᠰᠣᠨ | ᠴᠠᠬᠢᠯᠠᠭᠠᠨ ᠤ ᠮᠠᠰᠢᠨ ᠴᠣᠭᠴᠠᠯᠠᠪᠦᠷᠢ ᠶᠢᠨ ᠪᠠᠭᠳᠠᠭᠠᠮᠵᠢ ᠶᠢ 1000 ᠲᠦᠮᠡᠨ ᠺᠢᠯᠤᠸᠠᠲ᠂ ᠨᠡᠬᠦᠷᠡᠰᠦ ᠬᠢᠮᠢ ᠶᠢᠨ ᠣᠶᠢᠯᠠᠳᠪᠦᠷᠢᠯᠠᠯ ᠤᠨ ᠴᠢᠳᠠᠪᠬᠢ ᠶᠢ 500 | ᠲᠦᠮᠡᠨ ᠲᠣᠨ᠂ ᠰᠢᠳᠠᠮᠬᠠᠢ ᠬᠡᠢ ᠰᠢᠩᠬᠡᠨᠵᠢᠬᠦᠯᠬᠦ ᠶᠡᠷᠦᠩᠭᠡᠢ ᠬᠡᠪᠴᠢᠶᠡᠵᠢᠯ ᠢ 200 ᠲᠦᠮᠡᠨ ᠲᠣᠨ᠂ ᠰᠢᠨ᠎ᠠ ᠡᠨᠧᠷᠬᠢ ᠶᠢᠨ ᠮᠠᠰᠢᠨ ᠴᠣᠭᠴᠠᠯᠠᠪᠦᠷᠢ ᠶᠢᠨ | ᠶᠡᠷᠦᠩᠭᠡᠢ ᠬᠡᠪᠴᠢᠶᠡᠵᠢᠯ ᠢ 200 ᠲᠦᠮᠡᠨ ᠺᠢᠯᠤᠸᠠᠲ ᠠᠴᠠ ᠲᠠᠪᠠᠭᠤᠯᠬᠤ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠵᠣ ᠣᠶᠢᠯᠠᠰ ᠤᠨ ᠪᠦᠳᠦᠴᠠ | ᠶᠢᠨ ᠲᠣᠬᠢᠷᠠᠭᠤᠯᠭ᠎ᠠ ᠶᠢ ᠭᠦᠨᠵᠡᠭᠡᠶᠢᠷᠡᠭᠦᠯᠵᠣ᠂ ᠠᠮᠤ ᠪᠤᠳᠠᠭ᠎ᠠ ᠠᠵᠤ ᠠᠬᠤᠢ ᠶᠢᠨ ᠳᠠᠷᠢᠮᠠᠯ ᠳᠡᠵᠢᠬᠡᠯ ᠡᠪᠡᠰᠤ ᠶᠢ ᠨᠢᠬᠡᠳᠤᠯᠳᠠᠢ ᠲᠦᠯᠤᠪᠵᠢᠬᠦᠯᠬᠦ᠂ ᠳᠠᠷᠢᠶᠠᠯᠠᠩ ᠤᠢ | ᠮᠠᠯᠵᠢᠯ ᠢ ᠤᠶᠠᠯᠳᠤᠭᠤᠯᠬᠤ᠂ ᠳᠠᠷᠢᠬᠤ ᠳᠡᠵᠢᠬᠡᠬᠦ ᠪᠤᠯᠪᠠᠰᠤᠷᠠᠭᠤᠯᠬᠤ ᠴᠤᠭᠴᠠᠵᠢᠯᠳᠠ ᠪᠠ ᠨᠢᠬᠡ᠂ ᠬᠤᠶᠠᠷ᠂ ᠭᠤᠷᠪᠠᠳᠤᠭᠠᠷ ᠠᠵᠤ ᠤᠶᠢᠯᠡᠰ ᠤᠨ ᠤᠷᠭᠠᠨᠢᠭ | ᠬᠦᠭᠵᠢᠯᠳᠠ ᠶᠢ ᠠᠬᠢᠭᠤᠯᠵᠤ᠂ ᠪᠦᠳᠤᠮᠵᠢᠳᠤ ᠭᠠᠷᠤᠯᠳᠠ᠂ ᠠᠶᠤᠯᠬᠦᠢ ᠪᠦᠳᠤᠬᠡᠭᠳᠡᠬᠦᠨ ᠲᠠᠢ᠂ ᠡᠬᠢ ᠰᠤᠷᠪᠤᠯᠵᠢ ᠠᠷᠪᠢᠯᠠᠬᠤ᠂ ᠤᠷᠴᠢᠨ ᠬᠠᠮᠠᠭᠠᠯᠠᠬᠤ ᠤᠳᠤ ᠦᠶ᠎ᠡ | ᠶᠢᠨ ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢᠨ ᠵᠠᠮ ᠢᠶᠠᠷ ᠵᠠᠮᠨᠠᠵᠤ᠂ ᠣᠶᠢᠷ᠎ᠠ ᠬᠠᠪᠢ ᠶᠢ ᠲᠠᠶᠢᠴᠢᠯᠠᠨ ᠢᠷᠭᠠᠢ ᠳᠤ ᠣᠶᠢᠯᠠᠴᠢᠯᠠᠵᠣ ᠪᠦᠬᠦ ᠣᠯᠣᠰ ᠲᠤ | ᠬᠠᠨᠳᠣᠭᠤᠯᠣᠭᠰᠠᠨ ᠮᠠᠯ ᠲᠠᠷᠢᠶᠠᠯᠠᠩ ᠤᠨ ᠪᠣᠬᠢᠷᠳᠣᠯ ᠦᠭᠡᠢ ᠪᠦᠳᠦᠭᠳᠡᠭᠦᠨ ᠤ ᠪᠣᠯᠪᠠᠰᠣᠷᠠᠭᠤᠯᠣᠯᠳᠠ ᠶᠢᠨ ᠰᠠᠭᠤᠷᠢᠨ ᠢ ᠴᠣᠭᠴᠠᠯᠠᠨ᠎ᠠ᠃ | ︵ᠬᠤᠶᠠᠷ︶ ᠵᠣᠬᠢᠴᠠᠩᠭᠤᠢ ᠬᠦᠭᠵᠢᠯᠳᠠ ᠶᠢᠨ ᠦᠵᠡᠯᠳᠠ ᠶᠢ ᠪᠠᠷᠢᠮᠳᠠᠯᠠᠵᠣ᠂ ᠲᠡᠩᠴᠡᠬᠦᠷᠢᠳᠠᠢ ᠬᠦᠭᠵᠢᠯᠳᠠ ᠶᠢᠨ ᠪᠠᠶᠢᠳᠠᠯ ᠢ ᠬᠦᠴᠦᠯᠡᠨ ᠪᠦᠷᠢᠯᠳᠦᠭᠦᠯᠦᠨ᠎ᠠ᠃ | ᠠᠵᠣ ᠣᠶᠢᠯᠠᠰ᠂ ᠬᠤᠳᠠ ᠬᠦᠳᠡᠭᠡ᠂ ᠰᠠᠭᠤᠷᠢ ᠲᠦᠬᠦᠭᠡᠷᠦᠮᠵᠢ ᠪᠠ ᠨᠡᠶᠢᠳᠠ ᠶᠢᠨ ᠣᠶᠢᠯᠡᠴᠢᠯᠡᠭᠡ ᠶᠢᠨ ᠪᠠᠶᠢᠷᠢᠯᠠᠭᠤᠯᠣᠯᠳᠠ ᠶᠢ ᠨᠢᠭᠡᠳᠦᠯᠳᠡᠢ ᠲᠦᠯᠦᠪᠯᠡᠵᠣ᠂ | ᠬᠤᠳᠠ ᠬᠦᠳᠡᠭᠡ ᠣᠷᠣᠨ ᠲᠣᠭᠤᠷᠢᠭ᠂ ᠰᠠᠭᠤᠷᠢ ᠲᠦᠬᠦᠭᠡᠷᠦᠮᠵᠢ᠂ ᠣᠶᠣᠨ ᠤ ᠪᠣᠯᠪᠠᠰᠣᠨ ᠢ ᠵᠣᠬᠢᠴᠠᠩᠭᠤᠢ ᠬᠦᠭᠵᠢᠭᠦᠯᠦᠨ᠎ᠡ᠃ ᠬᠤᠳᠠ ᠬᠦᠳᠡᠭᠡ ᠶᠢᠨ | ᠴᠣᠭᠴᠠᠵᠢᠭᠰᠠᠨ ᠬᠦᠭᠵᠢᠯᠳᠠ ᠶᠢᠨ ᠲᠣᠭᠳᠠᠴᠠ ᠶᠢ ᠲᠡᠭᠦᠯᠳᠡᠷᠵᠢᠭᠦᠯᠵᠣ᠂ ᠵᠠᠰᠠᠭ ᠤᠨ ᠣᠷᠳᠣᠨ ᠠᠴᠠ ᠨᠡᠶᠢᠳᠡ ᠶᠢᠨ ᠣᠶᠢᠯᠡᠴᠢᠯᠡᠭᠡ ᠬᠤᠳᠠᠯᠳᠣᠨ ᠠᠪᠬᠤ | ᠬᠦᠴᠦᠯᠡᠴᠠ ᠶᠢ ᠴᠢᠩᠭᠠᠳᠬᠠᠵᠣ᠂ ᠬᠤᠳᠠ ᠬᠦᠳᠡᠭᠡ ᠶᠢᠨ ᠬᠦᠴᠦᠨ ᠵᠣᠶᠢᠯ ᠤᠨ ᠵᠣᠬᠢᠰᠳᠠᠢ ᠲᠣᠭᠢᠷᠠᠭᠤᠯᠣᠯᠳᠠ ᠪᠣᠯᠣᠨ ᠦᠨᠳᠦᠰᠦᠨ ᠨᠡᠶᠢᠳᠠ ᠶᠢᠨ ᠣᠶᠢᠯᠡᠴᠢᠯᠡᠭᠡ | ᠶᠢᠨ ᠲᠡᠩᠴᠡᠭᠦᠷᠢᠰᠢᠯ ᠢ ᠠᠬᠢᠭᠤᠯᠵᠣ᠂ ᠪᠠᠶᠢᠷᠢ ᠲᠣᠭᠳᠠᠭᠠᠯᠳᠠ ᠲᠣᠳᠣᠷᠬᠠᠢ᠂ ᠦᠪᠡᠷᠮᠢᠴᠡ ᠣᠨᠴᠠᠯᠢᠭ ᠢᠯᠡᠷᠬᠡᠢ᠂ ᠴᠢᠳᠡᠪᠬᠢ ᠪᠦᠷᠢᠨ ᠣᠳᠣ ᠦᠶ᠎ᠡ ᠶᠢᠨ ᠬᠤᠳᠠ | ᠪᠠᠯᠭᠠᠰᠣᠨ ᠤ ᠰᠢᠰᠲ᠋ᠧᠮ ᠢ ᠪᠠᠶᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠲᠦᠷᠦᠯ︾ ᠤᠨ ᠭᠤᠣᠯᠳᠠᠯᠭᠠᠳᠦ ᠠᠵᠢᠯ ᠢ ᠬᠢᠨᠡᠮᠡᠭᠠᠢ ᠠᠳᠬᠤᠵᠣ᠂ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠠ᠂ ᠲᠠᠭᠠᠭᠠᠮᠠᠢ ᠬᠠᠮᠢᠶᠠᠷᠣᠯᠳᠠ ᠶᠢᠨ ᠲᠣᠭᠳᠠᠴᠠ ᠶᠢᠨ ᠲᠡᠭᠦᠯᠳᠡᠷᠵᠢᠭᠦᠯᠦᠯᠳᠠ ᠶᠢ ᠠᠬᠢᠭᠤᠯᠵᠣ᠂ ᠣᠷᠴᠢᠨ | ᠲᠣᠭᠤᠷᠢᠨ᠂ ᠠᠵᠣ ᠣᠶᠢᠯᠠᠰ᠂ ᠠᠮᠢ ᠠᠬᠤᠢ᠂ ᠰᠣᠶᠣᠯ ᠢᠷᠭᠡᠨᠰᠢᠯ ᠣᠬᠢ ᠰᠠᠶᠢᠨ ᠰᠠᠭᠤᠷᠢᠰᠢᠬᠤ ᠳᠤ ᠲᠣᠬᠢᠷᠠᠮᠵᠢᠳᠠᠢ ᠬᠦᠳᠡᠭᠡ ᠨᠣᠳᠤᠭ ᠢ ᠴᠣᠭᠴᠠᠯᠠᠨ᠎ᠠ᠃ | ᠣᠶᠣᠨ ᠤ ᠪᠣᠯᠪᠠᠰᠣᠨ ᠤ ᠴᠣᠭᠴᠠᠯᠠᠯᠳᠠ ᠶᠢ ᠦᠷᠬᠡᠨ ᠲᠡᠯᠭᠡᠷᠡᠩᠭᠦᠢ ᠦᠷᠨᠢᠭᠦᠯᠵᠣ᠂ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠳᠠ ᠶᠢ ᠴᠣᠭᠴᠠᠯᠠᠨ᠎ᠠ | ᠃ | ︵ᠭᠤᠷᠪᠠ︶ ᠪᠤᠬᠢᠷᠳᠤᠯ ᠦᠬᠡᠢ ᠬᠦᠭᠵᠢᠯᠳᠠ ᠶᠢᠨ ᠦᠵᠡᠯᠳᠠ ᠶᠢ ᠪᠠᠷᠢᠮᠳᠠᠯᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠦᠴᠤᠯᠡᠨ | ᠲᠦᠷᠬᠡᠤᠨᠬᠡᠨ᠎ᠠ᠃ ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ ᠦᠨᠳᠤᠰᠤ ᠪᠤᠯᠭᠠᠵᠤ᠂ ᠪᠤᠬᠢᠷᠳᠤᠯ ᠦᠬᠡᠢ᠂ ᠳᠤᠤᠷ᠎ᠠ ᠨᠡᠬᠦᠷᠡᠰᠤᠳᠦ᠋ᠷᠦᠭᠴᠢᠳᠤ᠂ ᠡᠷᠬᠢᠯᠳᠠᠳᠤ | ᠬᠦᠭᠵᠢᠯᠳᠠ ᠶᠢ ᠪᠠᠷᠢᠮᠳᠠᠯᠠᠵᠤ᠂ ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ ᠦᠷᠬᠦᠯᠵᠢᠯᠡᠨ ᠬᠡᠷᠡᠭᠵᠢᠭᠦᠯᠵᠣ᠂ ᠠᠮᠢ ᠠᠬᠤᠢ ᠶᠢᠨ ᠪᠦᠳᠤᠮᠵᠢ ᠶᠢ | ᠪᠠᠳᠤᠤᠨᠬᠠᠨ᠂ ᠠᠮᠢ ᠠᠬᠤᠢ ᠶᠢᠨ ᠦᠷᠬᠦᠯᠵᠢᠬᠦᠶᠢᠴᠠ ᠬᠦᠭᠵᠢᠯᠳᠠ ᠶᠢ ᠠᠬᠢᠭᠤᠯᠤᠨ᠎ᠠ᠃ ᠤᠰᠤᠨ ᠡᠬᠢ ᠰᠤᠷᠪᠤᠯᠵᠢ ᠶᠢᠨ ᠠᠰᠢᠭᠯᠠᠯᠳᠠ ᠪᠠ ᠬᠠᠮᠠᠭᠠᠯᠠᠯᠳᠠ ᠶᠢ | ᠴᠢᠩᠭᠠᠤᠨᠬᠠᠵᠤ᠂ ᠤᠰᠤᠨ ᠡᠬᠢ ᠰᠤᠷᠪᠤᠯᠵᠢ ᠶᠢᠨ ᠨᠡᠬᠡᠬᠡᠯᠳᠠ ᠠᠰᠢᠭᠯᠠᠯᠳᠠ ᠶᠢ ᠬᠢᠵᠠᠭᠠᠷᠯᠠᠵᠤ᠂ ᠤᠰᠤ ᠬᠡᠷᠡᠭᠯᠡᠯᠳᠠ ᠶᠢ ᠬᠢᠵᠠᠭᠠᠷᠯᠠᠬᠤ ᠪᠠ ᠤᠰᠤᠨ ᠴᠢᠳᠠᠪᠬᠢ ᠶᠢᠨ | ᠤᠷᠤᠨ ᠤ ᠪᠤᠬᠢᠷᠳᠤᠯ ᠢ ᠬᠤᠷᠢᠭᠯᠠᠬᠤ ︽ᠭᠤᠷᠪᠠᠨ ᠲᠦᠭᠰᠢᠬᠦᠷᠢᠳᠤ ᠱᠤᠭᠤᠮ︾ ᠤᠨ ᠲᠦᠷᠢᠮ ᠢ ᠴᠢᠩᠭ᠎ᠠ ᠪᠤᠳᠠᠳᠠᠶᠢᠵᠢᠭᠤᠯᠵᠤ᠂ ᠤᠰᠤ ᠠᠷᠪᠢᠯᠠᠬᠤ ᠨᠠᠶᠢᠬᠡᠮ ᠤᠨ | ᠪᠠᠶᠢᠭᠤᠯᠤᠯᠳᠠ ᠶᠢ ᠠᠬᠢᠭᠤᠯᠤᠨ᠎ᠠ᠃ ᠬᠠᠮᠤᠭ ᠴᠢᠩᠭ᠎ᠠ ᠤᠷᠴᠢᠨ ᠳᠤᠭᠤᠷᠢᠨ ᠤ ᠬᠠᠮᠠᠭᠠᠯᠠᠯᠳᠠ ᠶᠢᠨ ᠲᠦᠷᠢᠮ ᠢ ᠬᠡᠷᠡᠭᠵᠢᠬᠦᠯᠵᠤ᠂ ᠤᠷᠴᠢᠨ ᠳᠤᠭᠤᠷᠢᠨ ᠤ | ᠵᠦᠪᠰᠢᠶᠡᠷᠡᠯᠳᠠ ᠶᠢᠨ ᠪᠠᠷᠢᠮᠵᠢᠶ᠎ᠡ ᠶᠢ ᠳᠡᠬᠡᠭᠰᠢᠯᠡᠬᠦᠯᠵᠤ᠂ ᠤᠷᠴᠢᠨ ᠳᠤᠭᠤᠷᠢᠨ ᠤ ᠪᠤᠬᠢᠷᠳᠤᠯ ᠪᠠ ᠠᠮᠢ ᠠᠬᠤᠢ ᠶᠢᠨ ᠡᠪᠳᠡᠭᠳᠡᠯ ᠢ ᠰᠤᠷᠪᠤᠯᠵᠢ ᠠᠴᠠ ᠰᠡᠷᠬᠡᠶᠢᠯᠡᠨ᠎ᠠ᠃ | ᠪᠤᠬᠢᠷᠳᠤᠯ ᠦᠬᠡᠢ ᠴᠡᠪᠡᠷ ᠤᠶᠢᠯᠡᠤᠨᠪᠤᠷᠢᠯᠡᠯ ᠢ ᠶᠡᠬᠡᠪᠡᠷ ᠠᠬᠢᠭᠤᠯᠵᠤ᠂ ᠳᠤᠤᠷ᠎ᠠ ᠨᠡᠬᠦᠷᠡᠰᠤᠳᠦ᠋ᠷᠦᠭᠴᠢᠳᠤ ᠡᠷᠬᠢᠯᠳᠡᠳᠤ ᠬᠦᠭᠵᠢᠯᠳᠠ ᠶᠢᠨ ᠠᠵᠤ ᠤᠶᠢᠯᠡᠰ ᠤᠨ | ᠰᠢᠰᠲ᠋ᠧᠮ ᠢ ᠪᠠᠶᠢᠭᠤᠯᠤᠨ᠂ ᠤᠯᠤᠰ ᠤᠨ ᠠᠮᠢ ᠠᠬᠤᠶᠢᠴᠢ ᠠᠵᠣ ᠤᠶᠢᠯᠡᠤᠨᠪᠤᠷᠢ ᠶᠢᠨ ᠳᠠᠭᠤᠷᠢᠶᠠᠯ ᠬᠦᠷᠢᠶᠡᠯᠡᠩ ᠢ ᠪᠠᠶᠢᠭᠤᠯᠤᠨ᠎ᠠ᠃ 2020 ᠤᠨ ᠪᠤᠯᠬᠤ ᠳᠤ᠂ | ᠪᠦᠬᠦ ᠬᠤᠰᠢᠭᠤᠨ ᠤ ᠤᠢ ᠰᠢᠭᠤᠢ ᠶᠢᠨ ᠪᠦᠷᠬᠦᠴᠠ ᠶᠢᠨ ᠨᠤᠷᠮ᠎ᠠ ᠶᠢ 25% ᠬᠦᠷᠬᠡᠵᠤ᠂ ᠠᠰᠢᠭᠯᠠᠵᠤ ᠪᠤᠯᠬᠤ ᠨᠤᠳᠤᠭ ᠪᠡᠯᠴᠢᠬᠡᠷ ᠤᠨ ᠤᠷᠭᠤᠮᠠᠯ ᠤᠨ | ᠪᠦᠷᠬᠦᠪᠴᠢ ᠶᠢ 60% ᠠᠴᠠ ᠳᠡᠬᠡᠭᠰᠢ ᠪᠤᠯᠭᠠᠨ᠎ᠠ᠃ | ︵ᠲᠦᠷᠪᠠ︶ ᠴᠢᠯᠤᠬᠡᠳᠠᠢ ᠶᠠᠪᠤᠯᠴᠠᠬᠤ ᠬᠦᠭᠵᠢᠯᠳᠠ ᠶᠢᠨ ᠦᠵᠡᠯᠳᠠ ᠶᠢ ᠪᠠᠷᠢᠮᠳᠠᠯᠠᠵᠤ᠂ ᠤᠷᠤᠨ ᠬᠡᠪᠴᠢᠶ᠎ᠠ ᠬᠤᠯᠪᠤᠭᠠᠯᠠᠨ ᠬᠦᠭᠵᠢᠬᠦ ᠶᠢ ᠬᠦᠴᠤᠯᠡᠨ | ᠠᠬᠢᠭᠤᠯᠤᠨ᠎ᠠ᠃ ᠨᠢᠩᠰᠢᠶᠠ ᠯᠤᠭ᠎ᠠ ᠶᠢᠨ ᠤᠷᠤᠨ ᠬᠡᠪᠴᠢᠶᠠᠨ ᠤ ᠬᠠᠮᠳᠤᠷᠠᠯᠴᠠᠭ᠎ᠠ ᠪᠠ ᠬᠤᠯᠪᠤᠭᠠᠯᠠᠭᠰᠡᠨ ᠬᠦᠭᠵᠢᠯᠳᠠ ᠶᠢ ᠬᠦᠨᠵᠡᠬᠡᠶᠢᠷᠡᠬᠦᠯᠵᠤ᠂ ᠰᠠᠭᠤᠷᠢ | ᠪᠠᠶᠢᠭᠤᠯᠤᠯᠳᠠ᠂ ᠠᠵᠤ ᠤᠶᠢᠯᠡᠰ ᠤᠨ ᠬᠠᠷᠢᠯᠴᠠᠨ ᠨᠦᠬᠦᠪᠤᠷᠢᠯᠡᠬᠦ᠂ ᠤᠷᠴᠢᠨ ᠳᠤᠭᠤᠷᠢᠨ ᠤ ᠬᠠᠮᠳᠤᠷᠠᠭᠰᠡᠨ ᠵᠠᠰᠠᠯᠳᠠ᠂ ᠨᠠᠶᠢᠬᠡᠮ ᠤᠨ ᠠᠵᠢᠯ ᠤᠶᠢᠯᠡᠰ ᠤᠨ | ᠬᠠᠮᠳᠤ ᠡᠳ᠋ᠯᠡᠭᠡ ᠵᠡᠷᠬᠡ ᠳᠠᠯ᠎ᠠ ᠶᠢᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠵᠤ᠂ ᠤᠷᠤᠨ ᠬᠡᠪᠴᠢᠶᠡᠨ ᠤ ᠬᠦᠭᠵᠢᠯᠳᠠ ᠶᠢᠨ ᠠᠭᠤᠰᠤᠯᠴᠠᠯ ᠬᠦᠴᠤᠨ ᠪᠠ ᠦᠷᠢᠰᠬᠦ | ᠬᠦᠴᠤ ᠶᠢ ᠴᠢᠩᠭᠠᠤᠨᠬᠠᠨ᠎ᠠ᠃ ᠤᠨᠴᠠᠭᠠᠢ ᠤᠷᠤᠨ ᠪᠠᠶᠢᠷᠢ ᠶᠢᠨ ᠳᠠᠪᠠᠭᠤᠯᠢᠭ ᠲᠤ ᠪᠠᠨ ᠲᠦᠰᠢᠭᠯᠡᠨ᠂ ᠰᠤᠶᠤᠯ ᠵᠢᠭᠤᠯᠴᠢᠯᠠᠯ᠂ ᠮᠦᠩᠭᠦᠨ ᠭᠦᠢᠯᠭᠡᠭᠡ ᠪᠣᠳᠠᠰ ᠤᠨ | ᠭᠦᠢᠯᠭᠡᠭᠡ᠂ ᠡᠷᠡᠬᠦᠯᠵᠢᠯ ᠰᠤᠪᠢᠯᠠᠯ᠂ ︽ᠢᠨᠲ᠋ᠧᠷ ᠰᠦᠯᠵᠢᠶ᠎ᠡ+︾ ᠵᠡᠷᠬᠡ ᠠᠵᠤ ᠤᠶᠢᠯᠡᠰ ᠤᠨ ᠬᠦᠭᠵᠢᠯᠳᠠ ᠶᠢᠨ ᠡᠰᠡ ᠬᠦᠷᠤᠯᠴᠠᠬᠦ ᠵᠦᠢᠯ ᠢᠶᠠᠨ ᠬᠠᠷᠢᠯᠴᠠᠨ | ᠨᠦᠬᠦᠪᠤᠷᠢᠯᠡᠵᠤ᠂ ᠠᠵᠤ ᠤᠶᠢᠯᠡᠰ ᠤᠨ ᠳᠡᠰ ᠳᠡᠪᠰᠢᠯᠳᠠ ᠶᠢ ᠳᠠᠶᠢᠴᠢᠯᠠᠨ᠎ᠠ᠃ 2020 ᠤᠨ ᠪᠤᠯᠬᠤ ᠳᠤ᠂ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠤᠨ | ᠬᠤᠪᠢ ᠶᠢᠨ ᠵᠢᠩ ᠢ 35% ᠪᠤᠯᠭᠠᠵᠤ᠂ ᠵᠢᠭᠤᠯᠴᠢᠯᠠᠭᠴᠢᠤᠨ ᠬᠦᠯᠢᠶᠡᠨ ᠠᠪᠬᠤ ᠬᠡᠮᠵᠢᠶ᠎ᠡ ᠶᠢ 150 ᠲᠦᠮᠡᠨ ᠬᠦᠮᠤᠨ ᠤᠳᠠᠭ᠎ᠠ ᠳᠠᠪᠠᠭᠤᠯᠤᠨ᠂ ᠦᠪᠤᠷ | ᠮᠤᠩᠭᠤᠯ ᠤᠨ ᠪᠠᠷᠠᠭᠤᠨ ᠤᠷᠤᠨ ᠤ ᠦᠪᠡᠷᠮᠢᠴᠠ ᠨᠦᠯᠤᠬᠡ ᠪᠦᠬᠦᠢ ᠪᠤᠳᠠᠰ ᠤᠨ ᠬᠦᠢᠯᠬᠡᠬᠡᠨ ᠤ ᠲᠦᠷᠤᠬᠦᠴᠢ ᠦᠷᠳᠡᠭᠡ ᠪᠠ ᠦᠪᠡᠷᠳᠡᠬᠡᠨ ᠵᠠᠰᠠᠬᠤ ᠤᠷᠤᠨ ᠤ | ᠰᠤᠶᠤᠯ ᠵᠢᠭᠤᠯᠴᠢᠯᠠᠯ ᠤᠨ ᠳᠠᠭᠤᠷᠢᠶᠠᠯ ᠰᠠᠭᠤᠷᠢᠨ ᠢ ᠪᠠᠶᠢᠭᠤᠯᠵᠤ᠂ ᠪᠦᠬᠦ ᠤᠯᠤᠰ ᠤᠨ ᠰᠤᠶᠤᠯ ᠤᠨ ᠳᠡᠷᠢᠬᠦᠨ ᠤ ᠬᠤᠰᠢᠭᠤ ᠶᠢ ᠴᠤᠭᠴᠠᠯᠠᠨ᠎ᠠ᠃ ᠵᠠᠰᠠᠮᠠᠯ ᠵᠠᠮ᠂ | ᠳᠡᠮᠤᠷ ᠵᠠᠮ᠂ ᠠᠭᠠᠷ ᠠᠶᠠᠯᠠᠯ ᠵᠡᠷᠬᠡ ᠵᠠᠮ ᠬᠠᠷᠢᠯᠴᠠᠭᠠᠨ ᠤ ᠬᠦᠷᠢᠶ᠎ᠠ ᠴᠡᠷᠠᠭ᠎ᠠ ᠶᠢᠨ ᠬᠠᠮᠳᠤᠷᠠᠯᠴᠠᠭ᠎ᠠ ᠶᠢ ᠴᠢᠩᠭᠠᠤᠨᠬᠠᠵᠤ᠂ ᠮᠤᠵᠢ ᠤᠷᠤᠨ ᠠᠯᠤᠰᠯᠠᠭᠰᠡᠨ ᠲᠦᠷᠬᠡᠨ | ᠵᠠᠮᠳᠤ ᠵᠠᠮ ᠨᠡᠪᠳᠡᠷᠡᠯᠬᠡ ᠶᠢᠨ ᠪᠠᠶᠢᠭᠤᠯᠤᠯᠳᠠ ᠶᠢ ᠠᠬᠢᠭᠤᠯᠤᠨ᠂ ᠵᠠᠮ ᠬᠠᠷᠢᠯᠴᠠᠭᠠᠨ ᠤ ᠪᠡᠶᠡᠳᠤ ᠳᠤᠤᠷᠵᠢᠯ ᠢ ᠪᠦᠷᠢᠳᠤᠬᠦᠯᠤᠨᠠ᠃ | ︵ᠳᠠᠪᠤ︶ ᠬᠠᠮᠳᠤ ᠡᠳ᠋ᠯᠡᠬᠦ ᠬᠦᠭᠵᠢᠯᠳᠠ ᠶᠢᠨ ᠦᠵᠡᠯᠳᠠ ᠶᠢ ᠪᠠᠷᠢᠮᠳᠠᠯᠠᠨ᠂ ᠠᠷᠠᠤᠨ ᠤᠯᠠᠨ ᠤ ᠠᠮᠢᠳᠤᠷᠠᠯ ᠤᠨ ᠲᠦᠪᠰᠢᠨ ᠢ ᠬᠦᠴᠤᠯᠡᠨ ᠳᠡᠬᠡᠭᠰᠢᠯᠡᠬᠦᠯᠤᠨ᠎ᠠ᠃ | ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠣ᠂ ᠪᠦᠬᠦ ᠬᠤᠳᠠ ᠳᠤ ᠪᠠᠨ ᠳᠡᠷᠢᠬᠦᠯᠡᠨ ᠬᠤᠳᠠ ᠬᠦᠳᠡᠭᠡ ᠶᠢᠨ | ᠰᠠᠭᠤᠭᠠᠯᠢ ᠠᠷᠠᠤᠨ ᠤᠨ ᠨᠢᠬᠡᠳᠤᠯᠳᠠᠢ ᠦᠨᠳᠤᠰᠤᠨ ᠡᠮ ᠡᠮᠨᠡᠯᠬᠡ ᠶᠢᠨ ᠳᠠᠭᠠᠤᠨᠬᠠᠯ ᠤᠨ ᠲᠦᠷᠢᠮ ᠢ ᠪᠠᠶᠢᠭᠤᠯᠵᠣ᠂ ᠨᠠᠰᠤᠵᠢᠯ ᠪᠠ ᠡᠮ ᠡᠮᠴᠢᠯᠡᠬᠡᠨ ᠤ ᠳᠠᠭᠠᠤᠨᠬᠠᠯ | ᠤᠨ ᠪᠦᠬᠦ ᠪᠦᠷᠬᠦᠴᠠ ᠶᠢ ᠪᠡᠶᠡᠯᠡᠬᠦᠯᠤᠨ᠎ᠠ᠃ ᠠᠵᠤ ᠠᠬᠤᠢ ᠶᠢᠨ ᠬᠦᠭᠵᠢᠯᠳᠠ ᠬᠢᠬᠡᠤᠨ ᠤᠶᠢᠯᠡᠰ ᠪᠦᠳᠤᠬᠡᠯᠳᠠ ᠶᠢᠨ ᠳᠡᠮᠵᠢᠯᠳᠠ᠂ ᠠᠵᠢᠯ ᠤᠯᠤᠯᠳᠠ ᠶᠢᠨ | ᠦᠷᠬᠡᠤᠨᠬᠡᠯ ᠤᠨ ᠬᠤᠯᠪᠤᠭᠠᠯᠭᠰᠡᠨ ᠳᠤᠭᠳᠠᠴᠠ ᠶᠢ ᠳᠡᠬᠦᠯᠳᠡᠷᠵᠢᠬᠦᠯᠤᠨ᠂ ᠠᠷᠠᠤᠨ ᠤᠯᠠᠨ ᠤ ᠰᠢᠨᠡᠴᠢᠯᠠᠯ ᠬᠠᠶᠢᠯᠳᠠ ᠪᠠ ᠤᠶᠢᠯᠡᠰ ᠪᠦᠳᠤᠬᠡᠯᠳᠠ ᠶᠢ ᠠᠬᠢᠭᠤᠯᠤᠨ᠎ᠠ᠃ | ︽ᠦᠭᠬᠢᠶᠡᠮᠤᠷ ᠨᠠᠶᠢᠷᠠᠮᠳᠠᠭᠤ ᠳᠠᠯ᠎ᠠ ᠨᠤᠳᠤᠭ᠂ ᠦᠵᠡᠰᠬᠦᠯᠡᠩᠳᠤ ᠰᠠᠶᠢᠬᠠᠨ ᠡᠮᠤᠨᠡᠳᠤ ᠤᠳᠤᠭ︾ ᠤᠨ ᠨᠠᠶᠢᠬᠡᠮ ᠤᠨ ᠵᠠᠰᠠᠯᠳᠠ ᠶᠢᠨ ᠢᠨᠵᠧᠨᠧᠷᠢᠩ ᠢ | ᠬᠦᠨᠵᠡᠬᠡᠶᠢᠷᠡᠬᠦᠯᠤᠨ ᠬᠡᠷᠡᠭᠵᠢᠬᠦᠯᠵᠤ᠂ ᠠᠮᠤᠷ ᠠᠮᠤᠭᠤᠯᠠᠩ ᠤᠳᠤᠭ ᠤᠨ ᠡᠮᠤᠨᠡᠳᠤ ᠬᠤᠰᠢᠭᠤᠨ ᠤ ᠪᠠᠶᠢᠭᠤᠯᠤᠯᠳᠠ ᠶᠢ ᠪᠠᠬᠢᠵᠢᠬᠦᠯᠤᠨ ᠬᠦᠨᠵᠡᠬᠡᠶᠢᠷᠡᠬᠦᠯᠵᠤ᠂ ᠨᠠᠶᠢᠬᠡᠮ | ᠤᠨ ᠵᠠᠰᠠᠯᠳᠠ ᠶᠢᠨ ᠬᠠᠮᠢᠶᠠᠷᠤᠯᠳᠠ ᠣᠶᠢᠯᠠᠴᠢᠯᠡᠭᠡ ᠶᠢᠨ ᠲᠦᠪᠰᠢᠨ ᠢ ᠳᠡᠬᠡᠭᠰᠢᠯᠡᠬᠦᠯᠤᠨ᠎ᠠ᠃ ᠬᠤᠳᠠ ᠬᠦᠳᠡᠭᠡ ᠶᠢᠨ ᠰᠤᠷᠭᠠᠨ ᠬᠦᠮᠤᠵᠢᠯ᠂ ᠡᠷᠡᠬᠦᠯ ᠬᠠᠮᠠᠭᠠᠯᠠᠯ᠂ | ᠰᠤᠶᠤᠯ ᠵᠡᠷᠬᠡ ᠡᠬᠢ ᠰᠤᠷᠪᠤᠯᠵᠢ ᠶᠢ ᠨᠢᠬᠡᠳᠤᠯᠳᠠᠢ ᠲᠦᠯᠤᠪᠯᠡᠵᠤ ᠳᠤᠬᠢᠷᠠᠭᠤᠯᠤᠨ᠂ ᠬᠤᠳᠠ ᠭᠦᠳᠡᠭᠡ ᠶᠢᠨ ᠤᠯᠠᠨ ᠨᠠᠶᠢᠳᠠ ᠶᠢᠨ ᠤᠶᠢᠯᠡᠴᠢᠯᠡᠬᠡᠨ ᠤ ᠲᠦᠬᠡᠮᠡᠯ | ᠬᠠᠷᠠᠭᠠᠯᠵᠠᠯ ᠤᠨ ᠲᠡᠩᠴᠡᠭᠦᠷᠢᠳᠦ ᠰᠢᠰᠲ᠋ᠧᠮ ᠢ ᠪᠠᠶᠢᠭᠤᠯᠤᠨ᠎ᠠ᠃ ᠦᠨᠳᠤᠰᠤᠳᠠᠨ ᠨᠦᠭᠦᠳ ᠤᠨ ᠨᠠᠶᠢᠷᠠᠮᠳᠠᠯᠳᠤ ᠬᠦᠭᠵᠢᠯᠳᠠ ᠶᠢ ᠠᠬᠢᠭᠤᠯᠤᠨ᠂ ︽ᠪᠦᠬᠦ ᠤᠯᠤᠰ | ᠤᠨ ᠦᠨᠳᠤᠰᠤᠳᠠᠨ ᠤ ᠪᠦᠯᠬᠦᠮᠳᠠᠯ ᠳᠠᠪᠰᠢᠯᠳᠠ ᠶᠢᠨ ᠪᠠᠶᠢᠭᠤᠯᠤᠯᠳᠠ ᠶᠢᠨ ᠠᠵᠢᠯ ᠤᠨ ᠳᠠᠭᠤᠷᠢᠶᠠᠯ ᠬᠤᠰᠢᠭᠤ︾ ᠶᠢ ᠴᠤᠭᠴᠠᠯᠠᠨ᠎ᠠ᠃ ᠢᠳᠡᠬᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠨ᠂ ᠤᠯᠤᠰ ᠤᠨ ᠢᠳᠡᠬᠡᠨ ᠪᠠ ᠡᠮ ᠤᠨ ᠵᠦᠢᠯ ᠤᠨ ᠠᠮᠤᠷ ᠲᠦᠪᠰᠢᠨ ᠬᠤᠰᠢᠭᠤ ᠶᠢ ᠪᠠᠶᠢᠭᠤᠯᠤᠨ᠎ᠠ᠃ | ᠲᠦᠯᠤᠬᠡᠯᠡᠭᠴᠢᠤᠨ ᠡ᠂ ᠪᠦᠬᠦ ᠬᠤᠰᠢᠭᠤᠨ ᠤ ᠠᠷᠠᠤᠨ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠤᠬᠡᠳᠤᠯ ᠢ ᠪᠡᠶᠡᠯᠡᠬᠦᠯᠬᠦ ᠪᠤᠯ ᠵᠠᠰᠠᠭ ᠤᠨ | ᠤᠷᠳᠤᠨ ᠤ ᠳᠠᠷᠬᠠᠨ ᠬᠠᠷᠢᠭᠤᠴᠠᠯᠭ᠎ᠠ ᠪᠠ ᠡᠷᠬᠡᠪᠰᠢ ᠪᠡᠶᠡᠯᠡᠬᠦᠯᠬᠦ ᠡᠬᠦᠷᠬᠡ ᠶᠤᠮ᠃ ᠪᠦᠬᠦ ᠬᠤᠰᠢᠭᠤᠨ ᠤ ᠬᠠᠮᠳᠤ ᠶᠢᠨ ᠴᠢᠷᠮᠠᠶᠢᠯᠳᠠ ᠪᠠᠷ ᠳᠠᠮᠵᠢᠭᠠᠤᠨ ᠪᠢᠳᠠᠨ ᠤ | ᠬᠦᠭᠵᠢᠯᠳᠠ ᠶᠢᠨ ᠲᠦᠰᠦᠪ ᠪᠡᠶᠡᠯᠡᠭᠳᠡᠵᠣ᠂ ᠤᠳᠤᠭ ᠤᠨ ᠡᠮᠤᠨᠡᠳᠤ ᠬᠤᠰᠢᠭᠤᠨ ᠤ ᠮᠠᠷᠭᠠᠰᠢ ᠨᠡᠩ ᠭᠡᠭᠡᠨ ᠰᠠᠷᠠᠭᠤᠯ ᠪᠣᠯᠬᠤ ᠶᠢ ᠪᠠᠳᠤ ᠢᠳᠡᠬᠡᠵᠤ ᠪᠠᠶᠢᠨ᠎ᠠ᠃ | ᠭᠤᠷᠪᠠ᠂ 2016 ᠤᠨ ᠤ ᠡᠯ᠎ᠡ ᠠᠵᠢᠯ ᠢ ᠯᠠᠪᠳᠠᠭᠤᠨ ᠠᠬᠢᠭᠤᠯᠣᠨ᠎ᠠ | ᠡᠨᠡ ᠵᠢᠯ ᠪᠤᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠡᠬᠢᠯᠡᠯᠳᠠ ᠶᠢᠨ ᠤᠨ ᠶᠤᠮ᠃ ᠡᠨᠡ ᠵᠢᠯ ᠤᠨ ᠠᠵᠢᠯ ᠢ ᠰᠠᠶᠢᠳᠤᠷ ᠬᠢᠬᠦ ᠨᠢ ᠴᠢᠬᠤᠯᠠ ᠶᠡᠭᠡ | ᠠᠴᠢ ᠬᠤᠯᠪᠤᠭᠳᠠᠯ ᠲᠠᠢ ᠶᠤᠮ᠃ ᠪᠢᠳᠠ ᠳᠡᠬᠡᠳᠤ ᠱᠠᠳᠤᠨ ᠤ ᠰᠢᠢᠤᠨᠪᠤᠷᠢ ᠳᠤᠬᠢᠷᠠᠭᠤᠯᠭ᠎ᠠ ᠶᠤᠰᠤᠭᠠᠷ᠂ ᠲᠦᠪ ᠬᠤᠷᠢᠶᠠᠨ ᠤ ︽ᠳᠠᠪᠤᠨ ᠶᠡᠭᠡ ᠲᠦᠷᠤ ᠶᠢᠨ | ᠪᠤᠳᠤᠯᠭ᠎ᠠ ᠶᠢᠨ ᠳᠤᠯᠭᠠᠭᠤᠷᠢᠯᠠᠯ︾ ᠪᠤᠯᠤᠨ ︽ᠳᠠᠪᠤᠨ ᠶᠡᠭᠡ ᠡᠬᠦᠷᠬᠡ︾ ᠶᠢᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠳᠠᠯ᠎ᠠ ᠶᠢᠨ | ᠪᠦᠳᠤᠴᠠ ᠶᠢᠨ ᠴᠢᠨᠠᠷᠳᠤ ᠦᠬᠡᠷᠡᠴᠢᠯᠠᠯᠳᠠ ᠶᠢ ᠠᠬᠢᠭᠤᠯᠤᠨ᠂ ᠭᠠᠵᠠᠷ ᠤᠷᠤᠨ ᠤ ᠬᠦᠭᠵᠢᠯᠳᠠ ᠶᠢᠨ ᠬᠦᠳᠡᠯᠬᠡᠭᠴᠢ ᠬᠦᠴᠤᠨ᠂ ᠠᠮᠢᠳᠤᠯᠢᠭ ᠬᠦᠴᠤᠨ ᠪᠠ ᠦᠷᠢᠰᠬᠦ | ᠬᠦᠴᠤᠨ ᠢ ᠦᠷᠬᠦᠯᠵᠢᠯᠡᠨ ᠴᠢᠩᠭᠠᠤᠨᠬᠠᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠦᠭᠵᠢᠯᠳᠠ ᠳᠤ ᠤᠬᠢ ᠰᠠᠶᠢᠨ ᠡᠬᠢᠯᠡᠯᠳᠠ ᠶᠢ ᠪᠤᠢ ᠪᠣᠯᠭᠠᠨ᠎ᠠ᠃ | ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠪᠤᠯᠬᠤ ᠵᠢᠱᠢᠭᠰᠡᠨ ᠬᠠᠷᠠᠯᠳᠠ᠄ ᠭᠠᠵᠠᠷ ᠤᠷᠤᠨ ᠤ ᠤᠶᠢᠯᠡᠤᠨᠪᠤᠷᠢᠯᠡᠯ ᠤᠨ | ᠶᠡᠷᠤᠩᠬᠡᠢ ᠦᠷᠳᠡᠭ ᠢ 8% ᠦᠰᠬᠡᠵᠤ᠂ 139 ᠳ᠋ᠦᠩᠰᠢᠭᠤᠷ ᠲᠦᠬᠦᠷᠢᠭ ᠬᠦᠷᠬᠡᠨ᠎ᠠ︔ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 15% | ᠦᠰᠬᠡᠵᠤ᠂ 267 ᠳ᠋ᠦᠩᠰᠢᠭᠤᠷ ᠲᠦᠬᠦᠷᠢᠭ ᠬᠦᠷᠬᠡᠨ᠎ᠠ︔ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 8% ᠦᠰᠬᠡᠵᠤ᠂ 17.3 | ᠳ᠋ᠦᠩᠰᠢᠭᠤᠷ ᠲᠦᠬᠦᠷᠢᠭ ᠪᠡᠶᠡᠯᠡᠬᠦᠯᠤᠨ᠎ᠠ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ ᠢ 9% ᠦᠰᠬᠡᠵᠤ᠂ | 22.2 ᠳ᠋ᠦᠩᠰᠢᠭᠤᠷ ᠲᠦᠬᠦᠷᠢᠭ ᠪᠡᠶᠡᠯᠡᠬᠦᠯᠤᠨ᠎ᠠ︔ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢᠯᠠᠭᠰᠡᠨ ᠡᠵᠡᠮᠳᠠᠵᠤ | ᠪᠤᠯᠬᠤ ᠤᠷᠤᠯᠭ᠎ᠠ ᠶᠢ 9% ᠪᠠ 11% ᠦᠰᠬᠡᠵᠤ᠂ ᠳᠤᠰᠪᠤᠷᠢ 38744 ᠲᠦᠬᠦᠷᠢᠭ ᠪᠠ 16096 ᠲᠦᠬᠦᠷᠢᠭ ᠲᠤ ᠬᠦᠷᠬᠡᠨ᠎ᠠ᠃ | ᠳᠡᠬᠡᠷ᠎ᠠ ᠳᠤᠷᠠᠳᠤᠭᠰᠡᠨ ᠬᠠᠷᠠᠯᠳᠠ ᠶᠢ ᠪᠡᠶᠡᠯᠡᠬᠦᠯᠬᠦ ᠳᠤ᠂ ᠳᠤᠤᠷᠠᠬᠢ ᠵᠢᠷᠭᠤᠭᠠᠨ ᠳᠠᠯ᠎ᠠ ᠶᠢᠨ ᠠᠵᠢᠯ ᠢ ᠪᠦᠬᠦ ᠬᠦᠴᠤᠨ ᠢᠶᠠᠷ ᠠᠤᠨᠬᠤᠬᠤ ᠬᠡᠷᠡᠭᠳᠠᠢ᠃ | ︵ᠨᠢᠬᠡ︶ ᠠᠵᠤ ᠤᠶᠢᠯᠡᠤᠨᠪᠤᠷᠢ ᠶᠢᠨ ᠠᠵᠤ ᠠᠬᠤᠢ ᠶᠢ ᠠᠬᠢᠭᠤᠯᠤᠨ ᠴᠢᠨᠠᠷ ᠢ ᠳᠡᠬᠡᠭᠰᠢᠯᠡᠬᠦᠯᠵᠤ ᠪᠦᠳᠤᠮᠵᠢ ᠶᠢ ᠨᠡᠮᠡᠭᠳᠡᠬᠦᠯᠤᠨ᠎ᠠ᠃ ᠨᠢᠬᠡ ᠳᠤ ᠨᠡᠬᠦᠷᠡᠰᠤ | ᠴᠠᠬᠢᠯᠭᠠᠨ ᠬᠢᠮᠢ ᠶᠢᠨ ᠲᠦᠷᠤᠯ ᠵᠦᠢᠯ ᠤᠨ ᠤᠷᠤᠨᠵᠢᠨ ᠪᠠᠷᠢᠯᠭ᠎ᠠ ᠡᠬᠢᠯᠡᠬᠦ ᠶᠢ ᠪᠦᠬᠦ ᠬᠦᠴᠤᠨ ᠢᠶᠠᠷ ᠠᠬᠢᠭᠤᠯᠤᠨ᠎ᠠ᠃ ᠴᠠᠬᠢᠯᠭᠠᠨ ᠬᠦᠴᠤᠨ ᠤ ᠱᠤᠭᠤᠮ ᠤᠨ | ᠪᠠᠶᠢᠭᠤᠯᠤᠯᠳᠠ ᠶᠢ ᠠᠬᠢᠭᠤᠯᠵᠤ᠂ 5 ᠶᠡᠭᠡ ᠴᠠᠬᠢᠯᠭᠠᠨ ᠰᠤᠷᠪᠤᠯᠵᠢ ᠶᠢᠨ ᠴᠡᠭ ᠢ ᠲᠦᠪᠯᠡᠷᠡᠩᠬᠦᠢ ᠴᠤᠬᠤᠯᠠᠪᠤᠷᠢᠯᠠᠭᠤᠯᠵᠤ᠂ ᠴᠠᠬᠢᠯᠭᠠᠨ ᠬᠦᠷᠬᠡᠯᠳᠠ ᠶᠢᠨ ᠬᠠᠮᠤᠭ | ᠶᠡᠭᠡ ᠬᠡᠮᠵᠢᠶ᠎ᠡ ᠶᠢ ᠪᠠᠳᠤᠯᠠᠨ᠂ ᠴᠤᠭ ᠪᠠᠶᠢᠭᠤᠯᠵᠤ ᠠᠬᠢᠭᠤᠯᠤᠨ ᠤᠶᠢᠯᠡᠤᠨᠪᠤᠷᠢᠯᠡᠬᠦ ᠪᠠᠷ ᠴᠢᠷᠮᠠᠶᠢᠨ᠎ᠠ᠃ ᠴᠢᠬᠤᠯᠠ ᠡᠯᠧᠮᠧᠨ᠋ᠲ ᠤᠨ ᠪᠤᠭᠤᠮᠢ ᠬᠢᠵᠠᠭᠠᠷᠯᠠᠯ ᠢ | ᠰᠢᠪᠳᠤᠯᠤᠨ᠂ ᠬᠤᠸᠠ ᠰᠢᠩ ᠤᠨ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠤᠯ ᠵᠦᠢᠯ ᠤᠨ ᠴᠤᠬᠤᠯᠠᠪᠤᠷᠢᠯᠠᠯ ᠢ ᠠᠬᠢᠭᠤᠯᠵᠤ᠂ 8 ᠰᠠᠷ᠎ᠠ ᠶᠢᠨ ᠡᠴᠣᠰ | ᠠᠴᠠ ᠡᠮᠤᠨ᠎ᠠ ᠴᠤᠬᠤᠯᠠᠪᠤᠷᠢᠯᠠᠭᠤᠯᠤᠨ ᠠᠵᠢᠯ ᠡᠬᠢᠯᠡᠨ᠎ᠠ᠃ ︽ᠨᠡᠬᠦᠷᠡᠰᠤ ᠴᠠᠬᠢᠯᠭᠠᠨ ᠢ ᠬᠤᠯᠪᠤᠭᠠᠯᠠᠨ ᠡᠷᠬᠢᠯᠡᠬᠦ᠂ ᠨᠡᠭᠦᠷᠡᠰᠦᠨ ᠠᠵᠤ ᠠᠬᠤᠶᠢᠯᠡᠯ ᠬᠤᠯᠪᠤᠭᠠᠯᠠᠨ | ᠡᠵᠡᠩᠨᠡᠬᠦ︾ ᠠᠯᠬᠤᠮ ᠢᠶᠠᠨ ᠲᠦᠷᠬᠡᠤᠨᠬᠡᠨ᠂ ᠨᠡᠬᠦᠷᠡᠰᠤᠨ ᠠᠭᠤᠷᠬᠠᠢ ᠶᠢᠨ ᠴᠤᠬᠤᠯᠠᠪᠤᠷᠢᠯᠠᠯ ᠤᠨ ᠬᠢᠵᠠᠭᠠᠷᠯᠠᠯ ᠢ ᠰᠢᠪᠳᠤᠯᠵᠤ᠂ ᠨᠡᠬᠦᠷᠡᠰᠤ᠂ ᠴᠠᠬᠢᠯᠭᠠᠨ᠂ ᠬᠢᠮᠢ ᠶᠢᠨ | ᠲᠦᠷᠤᠯ ᠵᠦᠢᠯ ᠤᠨ ᠠᠭᠤᠰᠤᠯᠴᠠᠯ ᠨᠦᠬᠦᠪᠤᠷᠢᠯᠡᠯ ᠬᠦᠭᠵᠢᠯᠳᠠ ᠶᠢ ᠪᠡᠶᠡᠯᠡᠬᠦᠯᠵᠤ᠂ ᠪᠠᠶᠢᠭᠤᠯᠵᠤ ᠪᠠᠶᠢᠭ᠎ᠠ ᠨᠡᠬᠦᠷᠡᠰᠤᠨ ᠠᠭᠤᠷᠬᠠᠢ ᠶᠢᠨ ᠶᠡᠷᠤᠩᠬᠡᠢ ᠬᠡᠪᠴᠢᠶᠡᠵᠢᠯ ᠢ | 3500 ᠲᠦᠮᠡᠨ ᠳᠤᠨ ᠬᠦᠷᠬᠡᠨ᠂ ᠨᠡᠬᠦᠷᠡᠰᠤᠨ ᠭᠠᠷᠤᠯᠳᠠ ᠶᠢ 1500 ᠲᠦᠮᠡᠨ ᠳᠤᠨ ᠬᠦᠷᠬᠡᠬᠦ ᠪᠠᠷ ᠴᠢᠷᠮᠠᠶᠢᠨ᠎ᠠ᠃ ᠴᠠᠬᠢᠯᠭᠠᠨ ᠬᠦᠷᠬᠡᠯᠳᠠ ᠶᠢᠨ ᠱᠤᠭᠤᠮ ᠤᠨ | ᠪᠠᠭᠳᠠᠭᠠᠮᠵᠢ ᠶᠢ ᠦᠨᠳᠤᠰᠤᠯᠡᠨ ᠨᠢᠬᠡ ᠪᠦᠯᠦᠭ ᠰᠢᠨ᠎ᠠ ᠡᠨᠧᠷᠬᠢ ᠶᠢᠨ ᠲᠦᠷᠤᠯ ᠵᠦᠢᠯ ᠢ ᠤᠷᠤᠨᠵᠢᠭᠤᠯᠵᠤ᠂ ᠤᠯᠠᠨ ᠳᠠᠯᠠᠳᠤ ᠬᠦᠭᠵᠢᠯᠳᠠ ᠲᠠᠢ ᠠᠵᠤ ᠤᠶᠢᠯᠡᠰ ᠤᠨ | ᠳᠤᠭᠳᠠᠯᠴᠠᠭ᠎ᠠ ᠶᠢ ᠪᠦᠷᠢᠯᠳᠤᠬᠦᠯᠤᠨ᠎ᠠ᠃ ᠬᠤᠶᠠᠷ ᠲᠤ ᠴᠢᠯᠠᠭᠤᠨ ᠳᠤᠰᠤ ᠰᠢᠳᠠᠮᠠᠬᠠᠢ ᠬᠡᠢ ᠶᠢᠨ ᠡᠬᠢ ᠰᠤᠷᠪᠤᠯᠵᠢ ᠶᠢᠨ ᠨᠡᠬᠡᠬᠡᠯᠳᠠ ᠠᠰᠢᠭᠯᠠᠯᠳᠠ ᠶᠢ ᠠᠬᠢᠭᠤᠯᠤᠨ᠎ᠠ᠃ | ᠱᠢ ᠳ᠋ᠠ ᠪᠤᠬᠢᠷᠳᠤᠯ ᠦᠬᠡᠢ ᠡᠨᠧᠷᠬᠢ ᠶᠢᠨ ᠨᠢᠬᠡᠳᠤᠬᠡᠷ ᠬᠤᠭᠤᠴᠠᠭᠠᠨ ᠤ 20 ᠲᠦᠮᠡᠨ ᠳᠤᠨ LNG ᠶᠢᠨ ᠲᠦᠷᠤᠯ ᠵᠦᠢᠯ ᠢ ᠬᠡᠷᠡᠭᠯᠡᠯᠳᠠ ᠳᠤ ᠤᠷᠤᠭᠤᠯᠵᠤ᠂ | ᠺᠧ ᠰᠧ ᠤᠨ 40 ᠲᠦᠮᠡᠨ ᠳᠤᠨ᠂ ᠶᠠ ᠬᠠᠢ ᠶᠢᠨ ᠨᠢᠬᠡᠳᠤᠬᠡᠷ ᠬᠤᠭᠤᠴᠠᠭᠠᠨ ᠤ 30 ᠲᠦᠮᠡᠨ ᠳᠤᠨ LNG ᠶᠢᠨ ᠲᠦᠷᠤᠯ ᠵᠦᠢᠯ ᠢ ᠳᠤᠷᠰᠢᠨ | ᠤᠶᠢᠯᠡᠤᠨᠪᠤᠷᠢᠯᠡᠬᠦ ᠨᠦᠬᠦᠴᠡᠯ ᠳᠤ ᠬᠦᠷᠭᠡᠨ᠎ᠡ᠃ ᠵᠠᠨᠠᠷ ᠤᠨ ᠬᠡᠢ᠂ ᠨᠡᠬᠦᠷᠡᠰᠤᠨ ᠳᠡᠪᠬᠤᠷᠭ᠎ᠠ ᠶᠢᠨ ᠬᠡᠢ ᠵᠡᠷᠬᠡ ᠪᠠᠶᠢᠩᠭᠤ ᠶᠢᠨ ᠪᠤᠰᠤ ᠳᠤᠰᠤ ᠬᠡᠢ ᠶᠢᠨ ᠡᠬᠢ | ᠰᠤᠷᠪᠤᠯᠵᠢ ᠶᠢᠨ ᠬᠠᠶᠢᠯᠳᠠ ᠨᠡᠬᠡᠬᠡᠯᠳᠠ ᠶᠢ ᠲᠦᠷᠬᠡᠤᠨᠬᠡᠨ᠂ ᠬᠠᠶᠠᠭᠳᠠᠮᠠᠯ ᠰᠢᠪᠠᠷ ᠢ ᠦᠯᠤ ᠰᠠᠳᠠᠷᠠᠭᠠᠬᠤ ᠲᠦᠷᠤᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ | ᠠᠵᠤ ᠠᠬᠤᠢ ᠶᠢᠨ ᠨᠡᠮᠡᠭᠳᠡᠯ ᠤᠨ ᠰᠢᠨ᠎ᠠ ᠦᠰᠤᠯᠳᠠ ᠶᠢᠨ ᠴᠡᠭ ᠢ ᠪᠦᠷᠢᠯᠳᠤᠬᠦᠯᠤᠨ᠎ᠠ᠃ ᠳᠤᠰ ᠵᠢᠯ ᠳᠤ ᠰᠢᠳᠠᠮᠠᠬᠠᠢ ᠬᠡᠢ ᠶᠢᠨ ᠭᠠᠷᠤᠯᠳᠠ ᠶᠢᠨ ᠬᠡᠮᠵᠢᠶ᠎ᠡ ᠶᠢ 65 | ᠳ᠋ᠦᠩᠰᠢᠭᠤᠷ ᠺᠦᠪ ᠮᠧᠲᠷ ᠬᠦᠷᠬᠡᠨ᠎ᠠ᠃ ᠴᠠᠩ ᠴᠢᠩ ᠤᠨ ᠰᠢᠳᠠᠮᠠᠬᠠᠢ ᠬᠡᠢ ᠰᠢᠢᠤᠨᠪᠤᠷᠢᠯᠡᠬᠦ ᠲᠦᠷᠪᠡᠳᠤᠬᠡᠷ ᠣᠶᠢᠯᠠᠳᠪᠦᠷᠢ ᠠᠴᠠ ᠤᠯᠵᠠᠴᠢ ᠶᠢᠨ ᠶᠡᠷᠤᠩᠬᠡᠶᠢᠯᠡᠭᠰᠡᠨ | ᠠᠵᠤ ᠤᠶᠢᠯᠡᠰ ᠤᠨ ᠬᠦᠷᠢᠶᠡᠯᠡᠩ ᠲᠤ ᠬᠡᠢ ᠬᠦᠷᠬᠡᠬᠦ ᠬᠤᠭᠤᠯᠠᠢ ᠶᠢᠨ ᠪᠠᠶᠢᠭᠤᠯᠤᠯᠳᠠ ᠶᠢ ᠲᠦᠷᠬᠡᠤᠨᠬᠡᠨ᠂ ᠬᠦᠷᠢᠶᠡᠯᠡᠩ ᠳᠤᠭᠤᠷᠢᠭ ᠤᠨ ᠰᠢᠳᠠᠮᠠᠬᠠᠢ ᠬᠡᠢ ᠶᠢᠨ ︽ | ᠬᠤᠤᠰ ᠱᠤᠭᠤᠮ︾ ᠤᠨ ᠠᠮᠤᠷ ᠲᠦᠪᠰᠢᠨ ᠬᠠᠩᠭᠠᠯᠭ᠎ᠠ ᠶᠢ ᠪᠦᠷᠢᠯᠳᠤᠬᠦᠯᠤᠨ᠎ᠠ᠃ ᠭᠤᠷᠪᠠ ᠳᠤ ᠬᠦᠷᠢᠶᠠᠯᠠᠩ ᠳᠤᠭᠤᠷᠢᠭ ᠤᠨ ᠰᠠᠭᠤᠷᠢ ᠲᠦᠬᠦᠷ ᠲᠦᠬᠦᠬᠡᠷᠤᠮᠵᠢ | ᠶᠢ ᠳᠡᠬᠦᠯᠳᠡᠷᠵᠢᠬᠦᠯᠤᠨ᠎ᠠ᠃ ᠱᠠᠩᠬᠠᠢ ᠶᠢᠨ ᠰᠦᠮ᠎ᠠ ᠠᠮᠢᠳᠤᠷᠠᠯ ᠤᠨ ᠳᠤᠭᠤᠷᠢᠭ ᠠᠴᠠ ᠴᠠᠬᠢᠯᠭᠠᠨ ᠤᠶᠢᠯᠡᠤᠨᠪᠤᠷᠢ ᠬᠦᠷᠳᠡᠯᠡᠬᠢ 8.2 ᠺᠢᠯᠤᠮᠧᠲᠷ ᠤᠨ ᠨᠢᠬᠡᠳᠤᠬᠡᠷ | ᠵᠡᠷᠬᠡ ᠶᠢᠨ ᠬᠦᠨᠳᠤ ᠠᠴᠢᠶᠠᠯᠠᠬᠤ ᠵᠠᠰᠠᠮᠠᠯ ᠵᠠᠮ ᠤᠨ ᠦᠷᠤᠬᠡᠰᠤᠨ ᠴᠢᠭᠯᠡᠯ ᠢ ᠨᠢ ᠳᠡᠷᠬᠡ ᠨᠡᠪᠳᠡᠷᠡᠬᠦᠯᠵᠤ᠂ ᠱᠠᠩᠬᠠᠢ ᠶᠢᠨ ᠰᠦᠮ᠎ᠠ ᠶᠢᠨ ᠬᠦᠷᠢᠶᠠᠯᠠᠩ ᠳᠤᠭᠤᠷᠢᠭ | ᠠᠴᠠ ᠬᠡᠤᠷᠡᠰᠤᠨ ᠰᠢᠭᠠᠷᠤ ᠶᠢᠨ ᠳᠠᠯᠠᠪᠠᠢ ᠬᠦᠷᠬᠦ ᠵᠠᠮ ᠪᠠ ᠠᠮᠢᠳᠤᠷᠠᠯ ᠤᠨ ᠳᠤᠭᠤᠷᠢᠭ ᠠᠴᠠ ᠬᠦᠶᠤᠳᠠᠯ ᠨᠡᠶᠢᠤᠨᠬᠡᠬᠦ ᠦᠷᠳᠡᠭᠡ ᠬᠦᠷᠬᠦ 84 ᠺᠢᠯᠤᠮᠧᠲᠷ ᠤᠨ ᠵᠠᠮ ᠢ | ᠪᠠᠶᠢᠭᠤᠯᠤᠨ᠂ ᠴᠠᠩ ᠴᠢᠩ ᠭᠤᠷᠪᠠᠳᠤᠭᠠᠷ ᠨᠤᠮᠧᠷᠳᠤ ᠠᠭᠤᠷᠬᠠᠢ ᠠᠴᠠ ᠨᠢᠩᠰᠢᠶᠠ ᠶᠢᠨ S203 ᠱᠤᠭᠤᠮ ᠬᠦᠷᠬᠦ ᠵᠠᠮ᠂ ᠤᠯᠵᠠᠴᠢ ᠶᠢᠨ ᠶᠡᠷᠤᠩᠬᠡᠶᠢᠯᠡᠭᠰᠡᠨ ᠠᠵᠤ | ᠤᠶᠢᠯᠡᠰ ᠤᠨ ᠬᠦᠷᠢᠶᠠᠯᠠᠩ ᠠᠴᠠ ᠤᠯᠵᠠᠴᠢ ᠪᠠᠯᠭᠠᠰᠤᠨ ᠳᠤᠭᠤᠷᠢᠭ ᠬᠦᠷᠬᠦ 16 ᠺᠢᠯᠤᠮᠧᠲᠷ ᠤᠨ ᠵᠠᠮ ᠢ ᠨᠡᠪᠳᠡᠷᠡᠬᠦᠯᠵᠤ᠂ 5 ᠴᠠᠬᠢᠯᠭᠠᠨ ᠤᠶᠢᠯᠡᠤᠨᠪᠤᠷᠢ᠂ | ᠬᠡᠤᠷᠡᠰᠤᠨ ᠰᠢᠭᠠᠷᠤ ᠶᠢᠨ ᠳᠠᠯᠠᠪᠠᠢ ᠶᠢᠨ ᠲᠦᠷ ᠴᠠᠭ ᠤᠨ ᠤᠰᠤ ᠬᠠᠩᠭᠠᠯᠭ᠎ᠠ᠂ ᠴᠠᠬᠢᠯᠭᠠᠨ ᠬᠠᠩᠭᠠᠯᠭ᠎ᠠ᠂ ᠳᠠᠯᠠᠪᠠᠢ ᠳᠤ ᠤᠷᠤᠬᠤ ᠵᠠᠮ᠂ ᠴᠢᠮᠡᠭᠡ ᠬᠠᠷᠢᠯᠴᠠᠭᠠᠨ ᠤ | ᠦᠷᠳᠡᠭᠡ ᠵᠡᠷᠬᠡ ᠰᠠᠭᠤᠷᠢ ᠪᠠᠶᠢᠭᠤᠯᠤᠯᠳᠠ ᠶᠢ ᠡᠬᠢᠯᠡᠬᠦᠯᠤᠨ᠂ ᠳᠤᠰᠤ ᠨᠡᠮᠡᠬᠦ ᠦᠷᠳᠡᠭᠡ᠂ ᠬᠡᠢ ᠨᠡᠮᠡᠬᠦ ᠦᠷᠳᠡᠭᠡ᠂ ᠬᠠᠶᠢᠷ ᠤᠨ ᠳᠠᠯᠠᠪᠠᠢ ᠵᠡᠷᠬᠡ ᠳᠠᠭᠠᠯᠳᠠ ᠠᠵᠤ | ᠤᠶᠢᠯᠡᠰ ᠢ ᠳᠤᠬᠢᠷᠠᠮᠵᠢᠳᠠᠢ ᠪᠠᠶᠢᠷᠢᠯᠠᠭᠤᠯᠤᠨ᠂ ᠲᠦᠷᠤᠯ ᠵᠦᠢᠯ ᠤᠨ ᠡᠬᠢᠯᠡᠯᠳᠠ ᠳᠤ ᠨᠦᠬᠦᠴᠡᠯ ᠪᠦᠷᠢᠯᠳᠤᠬᠦᠯᠤᠨ᠎ᠠ᠃ ᠤᠯᠵᠠᠴᠢ ᠪᠠᠯᠭᠠᠰᠤᠨ ᠤ ᠶᠡᠷᠤᠩᠬᠡᠶᠢᠯᠡᠭᠰᠡᠨ | ᠠᠵᠤ ᠤᠶᠢᠯᠡᠰ ᠤᠨ ᠬᠦᠷᠢᠶᠡᠯᠡᠩ ᠤᠨ ᠬᠠᠶᠠᠭᠳᠠᠮᠠᠯ ᠤᠰᠤ ᠶᠢ ᠴᠡᠪᠡᠷᠰᠢᠬᠦᠯᠤᠨ ᠬᠡᠷᠡᠭᠯᠡᠬᠦ ᠢᠨᠵᠧᠨᠧᠷᠢᠩ ᠢ ᠠᠬᠢᠭᠤᠯᠵᠤ᠂ ᠬᠦᠷᠢᠶᠡᠯᠡᠩ ᠳᠤᠭᠤᠷᠢᠭ ᠤᠨ | ᠠᠴᠢᠶᠠᠯᠠᠮᠵᠢ ᠶᠢ ᠴᠢᠩᠭᠠᠤᠨᠬᠠᠨ᠎ᠠ᠃ ᠲᠦᠷᠪᠠ ᠳᠤ ᠠᠷᠠᠯᠵᠢᠶᠠᠴᠢᠨ ᠤᠷᠢᠵᠤ ᠪᠡᠯᠡ ᠳᠠᠳᠠᠬᠤ ᠬᠦᠴᠤᠯᠡᠴᠠ ᠪᠠᠨ ᠦᠨᠡᠨᠬᠦ ᠨᠡᠮᠡᠭᠳᠡᠬᠦᠯᠤᠨ᠎ᠠ᠃ ᠬᠤᠷᠸ᠎ᠠ ᠪᠤᠳᠤᠯᠭ᠎ᠠ | ᠶᠢᠨ ᠬᠠᠨᠳᠤᠰᠢ ᠳᠤ ᠨᠠᠶᠢᠴᠠᠬᠦᠯᠤᠨ᠂ ᠨᠢᠬᠡᠨ ᠰᠢᠷᠢᠰ ᠶᠡᠭᠡ ᠲᠦᠷᠤᠯ ᠵᠦᠢᠯ ᠳᠤ ᠳᠠᠭᠠᠯᠳᠤᠭᠤᠯᠤᠨ ᠬᠦᠭᠵᠢᠬᠦᠯᠬᠦ ᠳᠤᠮᠳᠠ ᠪᠠᠭ᠎ᠠ ᠲᠦᠷᠤᠯ ᠵᠦᠢᠯ ᠢ ᠢᠳᠡᠪᠬᠢᠳᠠᠢ | ᠰᠡᠳᠤᠵᠤ᠂ ᠮᠠᠯ ᠳᠠᠷᠢᠶᠠᠯᠠᠩ ᠤᠨ ᠠᠰᠢᠭ ᠰᠢᠮ᠎ᠠ ᠶᠢᠨ ᠡᠳ᠋ᠰᠢᠬᠦᠯᠤᠯ᠂ ᠰᠤᠶᠤᠯ᠂ ᠵᠢᠭᠤᠯᠴᠢᠯᠠᠯ᠂ ᠡᠷᠡᠬᠦᠯᠵᠢᠯ᠂ ᠪᠤᠳᠠᠰ ᠤᠨ ᠬᠦᠢᠯᠬᠡᠬᠡ ᠵᠡᠷᠬᠡ ᠤᠳᠤ ᠦᠶ᠎ᠡ ᠶᠢᠨ | ᠤᠶᠢᠯᠡᠴᠢᠯᠡᠬᠡᠨ ᠤ ᠲᠦᠷᠤᠯ ᠵᠦᠢᠯ ᠢ ᠬᠦᠭᠵᠢᠬᠦᠯᠤᠨ᠂ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠪᠤᠯᠤᠨ ᠨᠠᠶᠢᠬᠡᠮ ᠤᠨ ᠠᠵᠢᠯ ᠤᠶᠢᠯᠡᠰ ᠤᠨ ᠲᠦᠷᠤᠯ ᠵᠦᠢᠯ | ᠢ ᠠᠬᠢᠭᠤᠯᠵᠤ᠂ ︽ᠳᠤᠮᠤ ᠲᠦᠷᠤᠯ ᠵᠦᠢᠯ ᠪᠠ ᠳᠤᠮᠳᠠ ᠪᠠᠭ᠎ᠠ ᠲᠦᠷᠤᠯ ᠵᠦᠢᠯ ᠤᠨ ᠡᠩ ᠬᠦᠭᠵᠢᠯᠳᠠ︾ ᠶᠢᠨ ᠳᠤᠭᠳᠠᠯᠴᠠᠭ᠎ᠠ ᠶᠢ ᠪᠦᠷᠢᠯᠳᠤᠬᠦᠯᠤᠨ᠎ᠠ᠃ | ︵ᠬᠤᠶᠠᠷ︶ ᠠᠷᠠᠤᠨ ᠤᠨ ᠠᠮᠢᠳᠤᠷᠠᠯ ᠤᠨ ᠬᠠᠷᠠᠭᠠᠯᠵᠠᠯ ᠤᠨ ᠦᠷ᠎ᠠ ᠠᠰᠢᠭ ᠢ ᠦᠷᠬᠦᠯᠵᠢᠯᠡᠨ ᠦᠷᠬᠡᠤᠨᠬᠡᠨᠠ᠃ ᠦᠨᠤ ᠵᠢᠯ ᠠᠷᠠᠤᠨ ᠢ ᠬᠠᠷᠠᠭᠠᠯᠵᠠᠬᠤ | ᠵᠢᠷᠭᠤᠭᠠᠨ ᠪᠤᠳᠠᠳᠤ ᠤᠴᠢᠷ ᠪᠦᠳᠦᠭᠡᠨ᠎ᠡ᠃ ᠨᠢᠬᠡ ᠳᠤ᠂ 6.5 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ ᠬᠦᠳᠡᠭᠡ ᠶᠢᠨ ᠵᠠᠰᠠᠮᠠᠯ ᠵᠠᠮ ᠢ 560 | ᠺᠢᠯᠤᠮᠧᠲᠷ ᠨᠡᠮᠡᠵᠤ᠂ ᠬᠤᠳᠠ ᠬᠦᠳᠡᠭᠡ᠂ ᠭᠠᠴᠠᠭ᠎ᠠ ᠲᠣᠰᠬᠤᠨ᠂ ᠪᠠᠭ ᠬᠤᠷᠰᠢᠶ᠎ᠠ ᠶᠢ ᠬᠤᠯᠪᠣᠭᠰᠠᠨ ᠵᠠᠮ ᠱᠣᠭᠤᠮ ᠢ ᠨᠡᠪᠳᠡᠷᠡᠭᠦᠯᠵᠣ᠂ ᠭᠠᠴᠠᠭ᠎ᠠ ᠳᠤᠰᠬᠤᠨ ᠤᠳ | ᠤᠨ ᠴᠠᠷᠳᠠᠮᠠᠯ ᠵᠠᠮ ᠤᠨ ᠪᠦᠬᠦ ᠪᠦᠷᠬᠦᠴᠠ ᠶᠢ ᠪᠡᠶᠡᠯᠡᠬᠦᠯᠵᠤ᠂ ᠮᠠᠯᠵᠢᠬᠤ ᠳᠠᠷᠢᠶᠠᠯᠠᠬᠤ ᠤᠷᠤᠨ ᠤ ᠰᠠᠭᠤᠷᠢ ᠲᠦᠬᠦᠬᠡᠷᠤᠮᠵᠢ ᠶᠢᠨ ᠳᠤᠳᠠᠭᠳᠠᠯ ᠢ ᠪᠦᠬᠦ ᠳᠠᠯ᠎ᠠ ᠪᠠᠷ | ᠨᠦᠬᠦᠪᠤᠷᠢᠯᠡᠵᠤ᠂ ᠮᠠᠯᠴᠢᠨ ᠳᠠᠷᠢᠶᠠᠴᠢᠤᠨ ᠤᠨ ᠭᠠᠳᠠᠭᠰᠢ ᠭᠠᠷᠬᠤ ᠪᠠ ᠮᠠᠯ ᠳᠠᠷᠢᠶᠠᠯᠠᠩ ᠤᠨ ᠪᠦᠳᠤᠬᠡᠭᠳᠡᠬᠦᠨ ᠤ ᠵᠦᠬᠡᠬᠡᠪᠤᠷᠢᠯᠠᠯᠳᠠ ᠶᠢᠨ ᠬᠦᠴᠢᠷ ᠠᠰᠠᠭᠤᠳᠠᠯ ᠢ | ᠪᠦᠷᠢᠮᠤᠰᠤᠨ ᠰᠢᠢᠤᠨᠪᠤᠷᠢᠯᠡᠨᠠ︔ ᠬᠤᠶᠠᠷ ᠲᠤ᠂ 8.63 ᠳ᠋ᠦᠩᠰᠢᠭᠤᠷ ᠲᠦᠬᠦᠷᠢᠭ ᠪᠡᠯᠡ ᠣᠷᠣᠭᠤᠯᠣᠨ 35 ᠺᠢᠯᠤᠸᠤᠯᠲ ᠤᠨ ᠴᠠᠬᠢᠯᠭᠠᠨ ᠬᠤᠪᠢᠰᠬᠠᠬᠤ | ᠦᠷᠳᠡᠭᠡ 1 ᠶᠢ ᠦᠬᠡᠷᠡᠴᠢᠯᠡᠨ ᠪᠠᠶᠢᠭᠤᠯᠵᠤ᠂ 110 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 3 ᠨᠡᠮᠡᠨ ᠪᠠᠶᠢᠭᠤᠯᠵᠤ᠂ ᠴᠠᠬᠢᠯᠭᠠᠨ ᠬᠦᠷᠬᠡᠯᠳᠠ ᠶᠢᠨ | ᠱᠤᠭᠤᠮ 682 ᠺᠢᠯᠤᠮᠧᠲᠷ ᠪᠤᠰᠬᠠᠨ᠂ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠦᠴᠤᠨ ᠤ ᠪᠠᠭᠳᠠᠭᠠᠮᠵᠢ ᠬᠦᠷᠤᠯᠴᠠᠬᠦ ᠦᠬᠡᠢ ᠪᠤᠶᠤ ᠴᠠᠬᠢᠯᠭᠠᠨ ᠤᠳᠠᠰᠤ | ᠮᠠᠭᠤᠳᠠᠭᠰᠡᠨ ᠬᠠᠭᠤᠴᠢᠷᠠᠭᠰᠡᠨ ᠠᠰᠠᠭᠤᠳᠠᠯ ᠢ ᠰᠢᠢᠤᠨᠪᠤᠷᠢᠯᠡᠨᠠ︔ ᠭᠤᠷᠪᠠ ᠳᠤ᠂ ᠤᠨᠴᠠᠯᠢᠭᠳᠤ ᠳᠠᠷᠢᠮᠠᠯ ᠤᠨ ᠤᠶᠢᠯᠡᠰ ᠤᠨ ᠤᠷᠤᠨ ᠢ ᠵᠤᠬᠢᠰᠳᠠᠢ ᠬᠦᠭᠵᠢᠬᠦᠯᠤᠨ | ᠂ ︽ᠵᠢᠵᠢᠭ ᠬᠦᠯᠡᠮᠵᠢ︾ ᠪᠤᠯᠭᠠᠨ ᠳᠤ 5000 ᠲᠦᠬᠦᠷᠢᠭ ᠤᠨ ᠨᠦᠬᠦᠪᠤᠷᠢ ᠤᠯᠭᠤᠨ᠎ᠠ︔ ᠠᠮᠢ ᠠᠬᠤᠶᠢᠴᠢ ᠮᠠᠯᠵᠢᠯ ᠤᠨ ᠤᠶᠢᠯᠡᠰ ᠪᠠ ᠤᠨᠴᠠᠯᠢᠭᠳᠤ ᠳᠡᠵᠢᠬᠡᠨ | ᠦᠷᠡᠵᠢᠬᠦᠯᠬᠦ ᠤᠶᠢᠯᠡᠰ ᠤᠨ ᠤᠷᠤᠨ ᠢ ᠵᠤᠬᠢᠰᠳᠠᠢ ᠬᠦᠭᠵᠢᠬᠦᠯᠤᠨ᠂ ᠳᠡᠵᠢᠬᠡᠨ ᠦᠷᠡᠵᠢᠬᠦᠯᠬᠦ ᠬᠠᠰᠢᠶ᠎ᠠ ᠰᠠᠷᠠᠪᠴᠢ ᠶᠢᠨ ᠪᠠᠶᠢᠭᠤᠯᠤᠯᠳᠠ ᠳᠤ 5000 ᠲᠦᠬᠦᠷᠢᠭ | ᠤᠨ ᠨᠦᠬᠦᠪᠤᠷᠢ ᠣᠯᠭᠤᠵᠣ᠂ ᠮᠠᠯ ᠲᠠᠷᠢᠶᠠᠯᠠᠩ ᠤᠨ ᠠᠵᠣ ᠣᠶᠢᠯᠠᠰ ᠤᠨ ᠪᠦᠳᠦᠴᠡ ᠶᠢᠨ ᠲᠣᠭᠢᠷᠠᠭᠤᠯᠣᠯᠳᠠ ᠶᠢ ᠠᠬᠢᠭᠤᠯᠵᠣ᠂ ᠮᠠᠯᠴᠢᠨ ᠲᠠᠷᠢᠶᠠᠴᠢᠳ ᠤᠨ | ᠣᠷᠣᠯᠭ᠎ᠠ ᠶᠢᠨ ᠨᠡᠮᠡᠭᠳᠡᠯ ᠢ ᠠᠬᠢᠭᠤᠯᠣᠨ᠎ᠠ︔ ᠲᠦᠷᠪᠡ ᠳᠤ᠂ 300 ᠲᠦᠮᠡᠨ ᠲᠦᠬᠦᠷᠢᠭ ᠤᠨ ᠬᠦᠨᠳᠤ ᠡᠪᠡᠤᠨᠴᠢᠨ ᠤ ᠠᠪᠤᠷᠠᠨ ᠳᠤᠰᠠᠯᠠᠯᠳᠠ ᠶᠢᠨ ᠨᠦᠬᠦᠪᠤᠷᠢ | ᠶᠢᠨ ᠰᠠᠭᠤᠷᠢ ᠮᠦᠩᠬᠦ ᠳᠤᠬᠢᠷᠠᠭᠤᠯᠵᠤ᠂ ᠡᠪᠡᠤᠨᠴᠢᠨ ᠠᠴᠠ ᠪᠤᠯᠵᠤ ᠶᠠᠳᠠᠭᠤᠷᠠᠭᠰᠡᠨ ᠪᠤᠶᠤ ᠳᠠᠬᠢᠨ ᠶᠠᠳᠠᠭᠤᠷᠠᠭᠰᠡᠨ ᠬᠡᠷ ᠪᠦᠯᠢ ᠳᠤ ᠦᠨᠡᠨᠬᠦ ᠳᠤᠰᠠᠯᠠᠮᠵᠢ | ᠦᠵᠡᠬᠦᠯᠤᠨ᠎ᠠ︔ ᠳᠠᠪᠤ ᠳᠤ᠂ ᠮᠠᠯᠵᠢᠬᠤ ᠳᠠᠷᠢᠶᠠᠯᠠᠬᠤ ᠤᠷᠤᠨ ᠤ ᠰᠢᠳᠠᠮᠠᠬᠠᠢ ᠬᠡᠢ ᠨᠡᠪᠳᠡᠷᠡᠬᠦᠯᠬᠦ ᠢᠨᠵᠧᠨᠧᠷᠢᠩ ᠢ ᠬᠡᠷᠡᠭᠵᠢᠬᠦᠯᠤᠨ᠂ ᠬᠦᠳᠡᠭᠡ ᠤᠷᠤᠨ ᠤ ᠬᠦᠮᠤᠨ | ᠠᠮᠠ ᠬᠠᠷᠢᠴᠠᠩᠭᠤᠢ ᠲᠦᠪᠯᠡᠷᠡᠭᠰᠡᠨ ᠤᠷᠤᠨ ᠳᠤ ᠠᠶᠢᠯ ᠪᠤᠯᠭᠠᠨ ᠰᠢᠳᠠᠮᠠᠬᠠᠢ ᠬᠡᠢ ᠨᠡᠪᠳᠡᠷᠡᠬᠦᠯᠤᠨ᠎ᠠ᠃ ᠵᠢᠷᠭᠤᠭ᠎ᠠ ᠳᠤ᠂ ︽ᠳᠤᠭᠠᠴᠠᠯᠠᠯᠳᠠ ᠪᠠᠷ ᠠᠷᠠᠤᠨ ᠲᠤ | ᠲᠦᠬᠦᠮ ᠦᠵᠡᠬᠦᠯᠬᠦ︾ ᠢᠨᠵᠧᠨᠧᠷᠢᠩ ᠢ ᠬᠡᠷᠡᠭᠵᠢᠬᠦᠯᠵᠤ᠂ ᠷᠠᠳᠢᠤ᠋ ᠲᠦᠬᠦᠬᠡᠷᠤᠮᠵᠢ᠂ ᠨᠡᠬᠦᠳᠡᠯ ᠬᠤᠯᠪᠤᠭ᠎ᠠ᠂ ᠳᠤᠭᠠᠴᠠᠯᠭᠭᠰᠡᠨ ᠬᠤᠯᠪᠤᠭᠠᠨ ᠤ ᠳᠤᠬᠢᠶᠠᠨ ᠦᠷᠳᠡᠭᠡ | ᠶᠢ ᠵᠤᠬᠢᠰᠳᠠᠢ ᠪᠠᠶᠢᠷᠢᠯᠠᠭᠤᠯᠵᠤ᠂ ᠤᠯᠵᠠᠴᠢ ᠪᠠᠯᠭᠠᠰᠤ ᠪᠠ ᠱᠠᠩᠬᠠᠢ ᠶᠢᠨ ᠰᠦᠮ᠎ᠠ ᠪᠠᠯᠭᠠᠰᠤᠨ ᠳᠤᠭᠤᠷᠢᠭ ᠤᠨ ᠲᠦᠯᠤᠪᠤᠷᠢ ᠦᠬᠡᠢ WIFI ᠶᠢᠨ ᠪᠦᠷᠬᠦᠴᠠ ᠶᠢ | ᠪᠡᠶᠡᠯᠡᠬᠦᠯᠵᠤ᠂ ᠬᠦᠳᠡᠭᠡ ᠶᠢᠨ ᠭᠠᠷ ᠤᠳᠠᠰᠤᠨ ᠤ ᠳᠤᠬᠢᠶᠠᠨ ᠳᠡᠮᠳᠡᠭ ᠪᠤᠯᠤᠨ ᠦᠷᠬᠡᠨ ᠪᠦᠰᠡᠳᠤ ᠰᠦᠯᠵᠢᠶ᠎ᠡ᠂ ᠷᠠᠳᠢᠤ᠋ ᠲᠧᠯᠸᠢᠰ ᠤᠨ ᠳᠤᠬᠢᠶ᠎ᠠ ᠳᠡᠮᠳᠡᠭ ᠤᠨ | ᠪᠦᠷᠬᠦᠴᠠ ᠶᠢ ᠪᠡᠶᠡᠯᠡᠬᠦᠯᠤᠨ᠎ᠠ᠃ | ᠵᠢᠷᠭᠤᠭᠠᠨ ᠶᠡᠭᠡ ᠠᠷᠠᠤᠨ ᠤᠨ ᠠᠮᠢᠳᠤᠷᠠᠯ ᠤᠨ ᠢᠨᠵᠧᠨᠧᠷᠢᠩ ᠢ ᠰᠠᠶᠢᠳᠤᠷ ᠬᠢᠨ᠎ᠠ᠃ ᠨᠢᠬᠡ ᠳᠤ᠂ ︽ᠠᠷᠪᠠ ᠶᠢ ᠨᠠᠶᠢᠳᠠᠮ ᠪᠡᠶᠡᠯᠡᠬᠦᠯᠬᠦ︾ ᠢᠨᠵᠧᠨᠧᠷᠢᠩ ᠢ | ᠴᠢᠨᠠᠷᠯᠢᠭ ᠪᠡᠶᠡᠯᠡᠬᠦᠯᠤᠨ᠎ᠠ᠃ 15 ᠳ᠋ᠦᠩᠰᠢᠭᠤᠷ ᠲᠦᠬᠦᠷᠢᠭ ᠪᠡᠯᠡ ᠤᠷᠤᠭᠤᠯᠤᠨ ᠪᠦᠬᠦ ᠭᠠᠴᠠᠭ᠎ᠠ ᠳᠤᠰᠬᠤᠨ ᠪᠠ ᠠᠶᠢᠯ ᠡᠷᠤᠬᠡ ᠬᠦᠷᠳᠡᠯ᠎ᠡ ᠨᠠᠶᠢᠳᠠᠪᠤᠷᠢᠵᠢᠭᠤᠯᠵᠤ᠂ | ᠵᠢᠷᠭᠤᠭ᠎ᠠ ᠶᠢ ᠴᠤᠭᠴᠠᠵᠢᠭᠤᠯᠬᠤ᠂ ᠭᠤᠷᠪᠠᠨ ᠪᠠᠶᠢᠭᠤᠯᠤᠯᠳᠠ ᠶᠢ ᠨᠢᠬᠡᠳᠤᠯᠳᠠᠢ ᠠᠬᠢᠭᠤᠯᠤᠨ᠂ ᠮᠠᠯ ᠳᠠᠷᠢᠶᠠᠯᠠᠩ ᠢ ᠬᠦᠴᠤᠷᠬᠡᠭᠵᠢᠬᠦᠯᠵᠤ᠂ ᠮᠠᠯᠴᠢᠨ ᠳᠠᠷᠢᠶᠠᠴᠢᠤᠨ ᠢ | ᠪᠠᠶᠠᠵᠢᠭᠤᠯᠤᠨ᠂ ᠮᠠᠯᠵᠢᠬᠤ ᠳᠠᠷᠢᠶᠠᠯᠠᠬᠤ ᠤᠷᠤᠨ ᠢ ᠭᠤᠶᠤᠵᠢᠭᠤᠯᠤᠨ᠎ᠠ᠃ ᠲᠤᠰ ᠵᠢᠯ ᠳᠤ 4763 ᠬᠠᠭᠤᠴᠢᠨ ᠭᠡᠷ ᠪᠠᠶᠢᠰᠢᠩ ᠢ ᠥᠭᠡᠷᠡᠴᠢᠯᠡᠵᠥ᠂ 757 | ᠺᠢᠯᠤᠮᠧᠲᠷ ᠵᠡᠭᠡᠯᠢ ᠭᠤᠳᠤᠮᠵᠢ ᠶᠢ ᠨᠢᠭᠳᠠᠰᠢᠭᠤᠯᠤᠨ᠂ 1.85 ᠲᠥᠮᠡᠨ ᠭᠥᠮᠥᠨ ᠠᠮᠠ ᠶᠢᠨ ᠠᠶᠤᠯᠭᠦᠢ ᠤᠰᠤ ᠤᠮᠳᠠ ᠶᠢᠨ ᠠᠰᠠᠭᠤᠳᠠᠯ ᠢ ᠰᠢᠢᠳᠪᠥᠷᠢᠯᠡᠨ᠎ᠡ᠃ | ᠡᠷᠡᠭᠦᠯ ᠬᠠᠮᠠᠭᠠᠯᠠᠯ ᠤᠨ ᠲᠠᠰᠤᠭ᠂ ᠰᠤᠶᠤᠯ ᠤᠨ ᠥᠷᠥᠭᠡ᠂ ᠠᠷᠠᠳ ᠲᠤ ᠲᠥᠭᠦᠮ ᠥᠵᠡᠭᠦᠯᠭᠦ ᠲᠡᠯᠭᠡᠭᠦᠷ᠂ ᠨᠡᠶᠢᠭᠡᠮ ᠤᠨ ᠪᠠᠳᠤᠯᠠᠭ᠎ᠠ ᠶᠢᠨ ᠢᠨᠵᠧᠨᠧᠷᠢᠩ ᠢ | ᠨᠢᠭᠡᠳᠥᠯᠳᠡᠢ ᠲᠥᠯᠥᠪᠵᠢᠭᠦᠯᠥᠨ ᠰᠠᠶᠢᠳᠤᠷ ᠬᠢᠵᠥ᠂ ᠪᠠᠶᠢᠭᠤᠯᠤᠭᠰᠠᠨ ᠤ ᠲᠠᠷᠠᠭ᠎ᠠ ᠬᠠᠮᠠᠭᠠᠯᠠᠬᠤ ᠲᠠᠭᠠᠭᠠᠮᠠᠭᠠᠢ ᠲᠤᠭᠳᠠᠴᠠ ᠶᠢ ᠢᠳᠡᠪᠬᠢᠳᠡᠢ ᠡᠷᠢᠯᠬᠢᠯᠡᠵᠥ᠂ | ᠢᠨᠵᠧᠨᠧᠷᠢᠩ ᠪᠠᠶᠢᠭᠤᠯᠤᠭᠳᠠᠪᠠᠯ ᠤᠷᠳᠤ ᠬᠤᠭᠤᠴᠠᠭ᠎ᠠ ᠪᠠᠷ ᠠᠰᠢᠭ ᠭᠥᠷᠳᠡᠭᠦ ᠶᠢ ᠪᠠᠳᠤᠯᠠᠨ᠎ᠠ᠃ ᠬᠤᠶᠠᠷ ᠲᠤ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ | ᠪᠡᠶᠡᠯᠡᠬᠦᠯᠤᠨ᠎ᠠ᠃ ᠰᠠᠭᠤᠷᠢ ᠨᠥᠭᠦᠴᠡᠯ ᠪᠠᠷᠤᠭᠳᠠᠢ ᠠᠵᠤ ᠥᠢᠯᠡᠰ ᠭᠥᠭᠵᠢᠭᠦᠯᠭᠦ ᠳᠤ ᠲᠤᠬᠢᠷᠠᠮᠵᠢ ᠥᠭᠡᠢ ᠭᠠᠵᠠᠷ ᠤᠷᠤᠨ ᠤ 763 ᠭᠥᠮᠥᠨ ᠢ ᠰᠢᠯᠵᠢᠭᠦᠯᠵᠥ᠂ | ᠭᠠᠵᠠᠷ ᠰᠢᠯᠵᠢᠬᠦᠯᠤᠨ ᠨᠡᠭᠦᠯᠭᠡᠵᠥ ᠶᠠᠳᠠᠭᠤ ᠠᠴᠠ ᠠᠩᠬᠢᠵᠢᠷᠠᠭᠤᠯᠤᠨ᠎ᠠ︔ ᠭᠠᠵᠠᠷ ᠪᠠᠶᠢᠷᠢᠰᠢᠯ ᠤᠨ ᠨᠥᠭᠦᠴᠡᠯ ᠵᠥᠭᠡᠷ ᠪᠥᠭᠡᠳ ᠭᠥᠭᠵᠢᠯᠳᠡ ᠶᠢᠨ ᠰᠠᠨᠠᠭᠠᠴᠢᠯᠠᠭ᠎ᠠ | ᠲᠠᠢ ᠶᠠᠳᠠᠭᠤ ᠭᠥᠴᠢᠷᠳᠡᠯ ᠲᠠᠢ ᠡᠷᠥᠭᠡ ᠳᠤ ᠮᠥᠩᠭᠦᠨ ᠭᠥᠢᠯᠭᠡᠭᠡ ᠲᠥᠷᠥᠯ ᠵᠥᠢᠯ ᠤᠨ ᠲᠡᠮᠵᠢᠯᠭᠡ ᠶᠢ ᠨᠡᠮᠡᠭᠳᠡᠭᠦᠯᠵᠥ᠂ ᠤᠨᠴᠠᠯᠢᠭᠳᠤ ᠠᠵᠤ ᠥᠢᠯᠡᠰ ᠢ ᠨᠢ | ᠬᠠᠪᠰᠤᠷᠤᠨ ᠭᠥᠭᠵᠢᠭᠦᠯᠵᠥ᠂ ᠡᠷᠥᠭᠡ ᠪᠤᠯᠭᠠᠨ ᠳᠤ ᠤᠷᠤᠯᠭ᠎ᠠ ᠨᠡᠮᠡᠭᠦ ᠲᠥᠷᠥᠯ ᠵᠥᠢᠯ ᠲᠠᠢ ᠪᠤᠯᠭᠠᠵᠤ᠂ ᠠᠵᠤ ᠥᠢᠯᠡᠰ ᠤᠨ ᠭᠥᠭᠵᠢᠭᠦᠯᠥᠯᠳᠡ ᠪᠠᠷ ᠶᠠᠳᠠᠭᠤ ᠠᠴᠠ | ᠠᠩᠬᠢᠵᠢᠷᠠᠭᠤᠯᠤᠨ᠎ᠠ︔ ᠲᠤᠤᠷ᠎ᠠ ᠪᠠᠳᠤᠯᠠᠭ᠎ᠠ ᠶᠢᠨ ᠭᠥᠷᠢᠶ᠎ᠡ ᠬᠡᠪᠴᠢᠶᠡᠨ ᠳᠤ ᠥᠯᠥ ᠪᠠᠭᠳᠠᠬᠤ ᠶᠠᠳᠠᠭᠤ ᠭᠥᠴᠢᠷᠳᠡᠯ ᠲᠠᠢ ᠡᠷᠥᠭᠡ ᠶᠢᠨ ᠬᠡᠥᠭᠡᠳ ᠲᠤᠮᠳᠠ ᠲᠡᠭᠡᠳᠤ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠭᠥᠮᠥᠵᠢᠯ ᠭᠥᠷᠳᠡᠪᠡᠯ ᠲᠡᠮᠵᠢᠵᠥ᠂ ᠰᠤᠷᠭᠠᠨ ᠭᠥᠮᠥᠵᠢᠯ ᠡᠮ ᠡᠮᠨᠡᠯᠭᠡ ᠪᠠᠷ ᠶᠠᠳᠠᠭᠤ ᠠᠴᠠ ᠠᠩᠬᠢᠵᠢᠷᠠᠭᠤᠯᠤᠨ᠎ᠠ᠃ | ᠤᠶᠤᠨ ᠤ ᠰᠠᠭᠠᠳ ᠲᠠᠢ ᠤᠨᠴᠠ ᠭᠥᠴᠢᠷᠳᠡᠯᠳᠤ ᠡᠳᠡᠭᠡᠳ ᠢ ᠲᠤᠤᠷ᠎ᠠ ᠪᠠᠳᠤᠯᠠᠭ᠎ᠠ ᠳᠤ ᠤᠷᠤᠭᠤᠯᠵᠥ᠂ ᠨᠡᠶᠢᠭᠡᠮ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢ | ᠭᠡᠷᠡᠭᠵᠢᠭᠦᠯᠥᠨ᠎ᠡ᠃ ︽ᠪᠥᠭᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠭᠡᠷᠡᠭᠵᠢᠭᠦᠯᠭᠦ ᠲᠥᠰᠥᠯ︾ ᠢ ᠲᠤᠭᠳᠠᠭᠠᠨ᠂ ᠨᠠᠷᠢᠯᠢᠭ | ᠤᠨᠤᠪᠴᠢᠳᠠᠢ ᠪᠠᠷ ᠰᠢᠯᠭᠠᠨ ᠲᠤᠭᠳᠠᠭᠠᠵᠤ ᠬᠠᠷᠠᠯᠳᠠ ᠲᠠᠢ ᠪᠠᠷ ᠲᠡᠳᠭᠦᠵᠥ᠂ ᠵᠢᠯ ᠲᠤᠳᠤᠷ᠎ᠠ 1122 ᠭᠥᠮᠥᠨ ᠢ ᠶᠠᠳᠠᠭᠤ ᠠᠴᠠ ᠠᠩᠬᠢᠵᠢᠷᠠᠭᠤᠯᠤᠨ᠎ᠠ᠃ ᠭᠤᠷᠪᠠ | ᠳᠤ ᠠᠵᠢᠯ ᠤᠯᠭᠤᠨ ᠠᠷᠠᠳ ᠢ ᠬᠠᠷᠠᠭᠠᠯᠵᠠᠬᠤ ᠢᠨᠵᠧᠨᠧᠷᠢᠩ ᠢ ᠬᠦᠨᠵᠡᠬᠡᠶᠢᠷᠡᠬᠦᠯᠤᠨ᠎ᠠ᠃ ᠠᠵᠤ ᠠᠬᠤᠶᠢᠯᠠᠯ ᠢ ᠵᠤᠷᠢᠭᠵᠢᠭᠤᠯᠤᠨ ᠠᠵᠢᠯ ᠤᠯᠭᠤᠬᠤ ᠠᠷᠭ᠎ᠠ | ᠲᠤᠭᠳᠠᠭᠠᠵᠤ᠂ ᠲᠤᠭᠳᠠᠮᠠᠯ ᠨᠠᠶᠢᠳᠠᠨ ᠪᠤᠯᠪᠠᠰᠤᠷᠠᠭᠤᠯᠬᠤ ᠪᠠᠶᠢᠭᠤᠯᠤᠮᠵᠢ ᠶᠢ ᠡᠷᠢᠯᠬᠢᠯᠡᠨ ᠪᠠᠶᠢᠭᠤᠯᠵᠤ᠂ ᠤᠳᠤᠭ ᠤᠨ ᠡᠮᠥᠨᠡᠳᠥ ᠬᠤᠰᠢᠭᠤᠨ ᠤ ᠡᠷᠥᠭᠡ ᠠᠮᠠ ᠲᠠᠢ | ᠨᠠᠩ ᠤᠯᠠᠨ ᠲᠡᠭᠡᠳᠤ ᠲᠤᠮᠳᠠᠳᠤ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠥᠭᠰᠡᠳ ᠤᠨ ᠠᠵᠤ ᠠᠬᠤᠶᠢᠯᠠᠯ ᠠᠵᠤ ᠥᠢᠯᠡᠰ ᠲᠤ ᠵᠢᠳᠭᠦᠵᠥ ᠠᠵᠢᠯ ᠤᠯᠬᠤ ᠶᠢ | ᠪᠠᠳᠤᠯᠠᠨ᠎ᠠ᠃ ᠰᠤᠶᠤᠯ ᠤᠨ ᠠᠵᠤ ᠤᠶᠢᠯᠡᠰ ᠤᠨ ᠬᠦᠷᠢᠶᠡᠯᠡᠩ ᠢ ︽ᠬᠤᠤᠰ ᠪᠦᠳᠤᠬᠡᠯᠳᠠ︾ ᠶᠢᠨ ᠳᠠᠭᠤᠷᠢᠶᠠᠯ ᠰᠠᠭᠤᠷᠢᠨ ᠪᠤᠯᠭᠠᠵᠤ᠂ 200 ᠠᠴᠠ ᠳᠡᠬᠡᠭᠰᠢ | ᠬᠤᠳᠠᠯᠳᠤᠭᠠᠨ ᠤ ᠡᠷᠤᠬᠡ ᠤᠷᠤᠭᠤᠯᠬᠤ ᠪᠠᠷ ᠴᠢᠷᠮᠠᠶᠢᠵᠤ᠂ ᠠᠷᠠᠯᠵᠢᠶᠠᠴᠢᠨ ᠤᠷᠢᠵᠤ ᠪᠡᠯᠡ ᠳᠠᠳᠠᠬᠤ ᠬᠡᠪᠴᠢᠶᠡᠵᠢᠯ ᠢ 1.5 ᠳ᠋ᠦᠩᠰᠢᠭᠤᠷ ᠲᠦᠬᠦᠷᠢᠭ ᠲᠤ ᠬᠦᠷᠬᠡᠨ | ᠂ 2000 ᠲᠥᠮᠡᠨ ᠲᠥᠭᠦᠷᠢᠭ ᠤᠨ ᠪᠠᠭ᠎ᠠ ᠲᠤᠭᠠᠨ ᠤ ᠲᠠᠭᠠᠭᠠᠯᠳᠠᠳᠤ ᠵᠢᠭᠡᠯᠡᠯᠭᠡ ᠶᠢ ᠲᠠᠯᠪᠢᠵᠤ᠂ ᠡᠬᠡᠯ ᠠᠷᠠᠤᠨ ᠤᠶᠢᠯᠡᠰ ᠪᠦᠳᠤᠬᠡᠬᠦ᠂ ᠪᠠᠭ᠎ᠠ ᠰᠢᠨᠠᠴᠢᠯᠠᠯᠳᠠ | ᠪᠦᠳᠤᠬᠡᠯᠳᠠ ᠡᠬᠦᠤᠨᠬᠦ ᠶᠢ ᠳᠠᠮᠵᠢᠵᠤ᠂ ︽ᠪᠠᠭ᠎ᠠ ᠦᠮᠴᠢᠳᠠᠨ︾ ᠢ ᠬᠦᠮᠤᠵᠢᠬᠦᠯᠬᠦ᠂ ᠳᠤᠮᠳᠠ ᠪᠠᠭ᠎ᠠ ᠠᠵᠤ ᠠᠬᠤᠶᠢᠯᠠᠯ ᠪᠦᠯᠬᠦᠮ ᠪᠠᠶᠢᠭᠤᠯᠬᠤ ᠢᠨᠵᠧᠨᠧᠷᠢᠩ ᠢ | ᠬᠡᠷᠡᠭᠵᠢᠬᠦᠯᠵᠤ᠂ ᠳᠠᠶᠠᠭᠠᠷ ᠤᠯᠠᠨ ᠢᠶᠠᠷ ᠢᠶᠠᠨ ᠤᠶᠢᠯᠡᠰ ᠪᠤᠰᠬᠠᠵᠤ ᠰᠢᠨᠡᠴᠢᠯᠠᠯᠳᠠ ᠬᠢᠬᠦ ᠦᠷᠨᠢᠯᠳᠠ ᠶᠢ ᠪᠤᠢ ᠪᠤᠯᠭᠠᠨ᠎ᠠ᠃ ᠤᠨᠴᠠᠭᠠᠢ ᠭᠥᠴᠢᠷᠳᠡᠯ ᠲᠠᠢ ᠭᠥᠮᠥᠰ ᠤᠨ | ᠠᠵᠢᠯ ᠤᠯᠭᠤᠯᠳᠠ ᠶᠢᠨ ᠪᠠᠳᠤᠯᠠᠭ᠎ᠠ ᠶᠢᠨ ᠠᠵᠢᠯ ᠢ ᠬᠢᠨᠠᠮᠠᠭᠠᠢ ᠬᠢᠵᠥ᠂ ᠠᠵᠢᠯ ᠲᠠᠢ ᠭᠥᠮᠥᠨ ᠥᠭᠡᠢ ᠭᠡᠷ ᠪᠥᠯᠢ ᠶᠢᠨ ᠠᠵᠢᠯ ᠤᠯᠤᠯᠳᠠ ᠶᠢ ᠪᠠᠳᠤᠯᠠᠨ᠎ᠠ᠃ ᠳᠤᠰ | ᠵᠢᠯ ᠳᠤ ᠬᠤᠳᠠ ᠪᠠᠯᠭᠠᠰᠤᠨ ᠳᠤ ᠰᠢᠨ᠎ᠠ ᠪᠠᠷ 1100 ᠬᠦᠮᠤᠨ ᠳᠤ ᠠᠵᠢᠯ ᠤᠯᠭᠤᠨ᠂ ᠬᠤᠳᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ ᠶᠢ | 3.5% ᠳᠤᠳᠤᠷ᠎ᠠ ᠬᠢᠵᠠᠭᠠᠷᠯᠠᠨ᠎ᠠ᠃ ᠲᠦᠷᠪᠡ ᠳᠤ᠂ ᠨᠠᠶᠢᠳᠠ ᠶᠢᠨ ᠤᠶᠢᠯᠡᠴᠢᠯᠡᠬᠡᠨ ᠤ ᠠᠷᠠᠤᠨ ᠲᠤ ᠲᠦᠬᠦᠮ ᠦᠵᠡᠬᠦᠯᠬᠦ ᠢᠨᠵᠧᠨᠧᠷᠢᠩ ᠢ ᠡᠩ ᠳᠡᠷᠢᠬᠦᠨ ᠳᠤ | ᠬᠡᠷᠡᠭᠵᠢᠬᠦᠯᠤᠨ᠎ᠠ᠃ ᠱᠠᠩᠬᠠᠢ ᠶᠢᠨ ᠰᠦᠮ᠎ᠠ ᠳᠠᠬᠢ ᠬᠤᠶᠠᠳᠤᠭᠠᠷ ᠬᠡᠤᠬᠡᠤᠨ ᠤᠨ ᠴᠡᠴᠡᠷᠯᠢᠭ ᠪᠠᠬᠤᠯᠤᠰᠤᠨ ᠨᠠᠭᠤᠷ ᠤᠨ ᠬᠡᠤᠬᠡᠤᠨ ᠤᠨ ᠴᠡᠴᠡᠷᠯᠢᠭ ᠢ ᠰᠢᠨ᠎ᠠ | ᠪᠠᠶᠢᠭᠤᠯᠵᠤ᠂ ᠪᠤᠷᠤᠪᠠᠯᠭᠠᠰᠤᠨ ᠤ ᠬᠡᠤᠬᠡᠤᠨ ᠤᠨ ᠴᠡᠴᠡᠷᠯᠢᠭ᠂ ᠮᠤᠩᠭᠤᠯ ᠦᠨᠳᠤᠰᠤᠳᠠᠨ ᠤ ᠬᠤᠶᠠᠳᠤᠭᠠᠷ ᠬᠡᠤᠬᠡᠤᠨ ᠤᠨ ᠴᠡᠴᠡᠷᠯᠢᠭ ᠢ ᠦᠷᠬᠦᠯᠵᠢᠯᠡᠨ ᠪᠠᠶᠢᠭᠤᠯᠵᠤ | ᠂ ᠠᠩᠬᠠᠨ ᠤ ᠬᠦᠮᠤᠵᠢᠯ ᠤᠨ ᠲᠦᠪ᠂ ᠵᠠᠯᠠᠭᠤᠴᠤᠤᠨ ᠪᠠᠭᠠᠴᠤᠤᠨ ᠤᠨ ᠬᠢᠴᠢᠶᠡᠯ ᠤᠨ ᠭᠠᠳᠠᠨᠠᠬᠢ ᠠᠵᠢᠯᠯᠠᠭᠠᠨ ᠤ ᠲᠦᠪ ᠤᠨ ᠬᠡᠤᠬᠡᠤᠨ ᠤᠨ ᠴᠡᠴᠡᠷᠯᠢᠭ᠂ ᠶᠡᠭᠡ | ᠳᠤᠬᠤᠢ ᠶᠢᠨ ᠬᠡᠤᠬᠡᠤᠨ ᠤᠨ ᠴᠡᠴᠡᠷᠯᠢᠭ ᠢ ᠪᠠᠶᠢᠭᠤᠯᠵᠤ ᠳᠡᠬᠦᠰᠬᠡᠨ᠂ ᠰᠤᠷᠬᠤ ᠨᠠᠰᠤᠨ ᠤ ᠬᠡᠤᠬᠡᠤᠨ ᠪᠠᠭᠠᠴᠤᠤᠨ ᠤᠨ ᠬᠡᠷ ᠤᠨ ᠤᠶᠢᠷᠠᠯᠴᠠᠭ᠎ᠠ ᠪᠢᠴᠢᠭ ᠦᠵᠡᠬᠦ | ᠠᠰᠠᠭᠤᠳᠠᠯ ᠢ ᠦᠨᠡᠨᠬᠦ ᠰᠢᠢᠤᠨᠪᠤᠷᠢᠯᠡᠨᠠ᠃ ᠱᠠᠩᠬᠠᠢ ᠶᠢᠨ ᠰᠦᠮ᠎ᠠ ᠭᠤᠤᠯᠳᠠᠯᠭᠠᠳᠤ ᠡᠮᠨᠡᠯᠬᠡ ᠶᠢᠨ ᠡᠬᠦᠳᠠᠨ ᠡᠮᠨᠡᠯᠬᠡ ᠶᠢᠨ ᠠᠰᠠᠷ ᠪᠠ ᠪᠤᠷᠤᠪᠠᠯᠭᠠᠰᠤ | ᠭᠤᠤᠯᠳᠠᠯᠭᠠᠳᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠠᠶᠢᠭᠤᠯᠤᠯᠳᠠ ᠶᠢ ᠲᠦᠷᠬᠡᠤᠨᠬᠡᠵᠤ᠂ 5000 ᠲᠦᠮᠡᠨ ᠲᠦᠬᠦᠷᠢᠭ ᠪᠡᠯᠡ ᠵᠠᠷᠤᠴᠠᠭᠤᠯᠤᠨ ᠬᠤᠰᠢᠭᠤ | ᠮᠤᠩᠭᠤᠯ ᠶᠡᠷᠤᠩᠬᠡᠶᠢᠯᠡᠭᠰᠡᠨ ᠡᠮᠨᠡᠯᠬᠡ᠂ ᠪᠤᠯᠠᠭ ᠡᠷᠡᠬᠦᠯ ᠬᠠᠮᠠᠭᠠᠯᠠᠯ ᠤᠨ ᠬᠤᠷᠢᠶ᠎ᠠ ᠶᠢ ᠰᠢᠨ᠎ᠠ ᠪᠠᠶᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ | ᠦᠨᠳᠤᠰᠤᠨ ᠡᠮ ᠡᠮᠴᠢᠯᠡᠬᠡᠨ ᠤ ᠱᠠᠭᠠᠷᠳᠠᠯᠭ᠎ᠠ ᠶᠢ ᠬᠠᠩᠭᠠᠨ᠎ᠠ᠃ ᠬᠦᠩᠬᠡᠵᠢᠬᠦ ᠨᠠᠰᠤᠨ ᠤ ᠡᠮᠡᠭᠳᠡᠶᠢᠴᠤᠤᠨ ᠤᠨ ︽ᠬᠤᠶᠠᠷ ᠦᠮᠡᠨ︾ ᠤ ᠪᠠᠶᠢᠴᠠᠭᠠᠯᠳᠠ ᠶᠢ | ᠦᠷᠬᠦᠯᠵᠢᠯᠡᠨ ᠬᠡᠷᠡᠭᠵᠢᠬᠦᠯᠵᠤ᠂ ᠪᠠᠴᠢᠮ ᠳᠤᠰᠠᠯᠠᠮᠵᠢ ᠶᠢᠨ ᠡᠮ ᠤᠨ ᠬᠠᠶᠢᠷᠴᠠᠭ ᠢ ᠲᠦᠬᠡᠮᠡᠯᠵᠢᠬᠦᠯᠤᠨᠠ᠃ ᠨᠢᠩᠰᠢᠶᠠ ᠶᠢᠨ ᠢᠷᠭᠠᠢ ᠯᠤᠭ᠎ᠠ ᠶᠢᠨ ᠰᠤᠷᠭᠠᠨ | ᠬᠦᠮᠤᠵᠢᠯ ᠪᠠ ᠡᠮ ᠡᠮᠴᠢᠯᠡᠬᠡᠨ ᠤ ᠳᠠᠯ᠎ᠠ ᠪᠠᠷ ᠬᠢ ᠬᠦᠨᠵᠡᠬᠡᠢ ᠬᠠᠮᠳᠤᠷᠠᠯᠴᠠᠭ᠎ᠠ ᠶᠢ ᠢᠳᠡᠪᠬᠢᠯᠡᠬᠦᠯᠤᠨ᠂ ᠰᠢᠯᠢᠳᠡᠭ ᠡᠬᠢ ᠰᠤᠷᠪᠤᠯᠵᠢ ᠶᠢᠨ ᠬᠠᠮᠳᠤ ᠡᠳ᠋ᠯᠡᠯᠳᠠ ᠶᠢ | ᠪᠡᠶᠡᠯᠡᠬᠦᠯᠤᠨ᠎ᠠ᠃ ᠪᠦᠬᠦ ᠠᠷᠠᠤᠨ ᠤᠨ ᠪᠡᠶ᠎ᠡ ᠴᠢᠬᠢᠷᠠᠭᠵᠢᠭᠤᠯᠬᠤ ᠤᠶᠢᠯᠡᠰ ᠢ ᠬᠦᠴᠤᠯᠡᠨ ᠬᠦᠭᠵᠢᠬᠦᠯᠵᠤ᠂ ᠨᠠᠶᠢᠳᠠ ᠶᠢᠨ ᠳᠠᠮᠢᠷ ᠤᠨ ᠲᠦᠬᠦᠬᠡᠷᠤᠮᠵᠢ ᠶᠢ | ᠪᠠᠶᠢᠭᠤᠯᠤᠨ ᠠᠰᠢᠭᠯᠠᠵᠤ᠂ ᠫᠢᠩᠫᠠᠩ ᠪᠦᠮᠪᠦᠭᠡ ᠦᠳᠤᠨ ᠪᠦᠮᠪᠦᠭᠡ ᠶᠢᠨ ᠤᠷᠳᠤᠨ᠂ ᠤᠮᠪᠠᠯᠳᠠ ᠶᠢᠨ ᠤᠷᠳᠤᠨ᠂ ᠬᠡᠷ ᠤᠨ ᠭᠠᠳᠠᠨᠠᠬᠢ ᠳᠠᠮᠢᠷ ᠤᠨ ᠳᠠᠯᠠᠪᠤᠷ ᠢ | ᠨᠠᠶᠢᠬᠡᠮ ᠨᠠᠶᠢᠳᠠ ᠳᠤ ᠨᠡᠬᠡᠬᠡᠨ᠎ᠠ᠃ ᠬᠦᠯ ᠪᠦᠮᠪᠤᠬᠡᠨ ᠤ ᠤᠶᠢᠯᠡᠰ ᠤᠨ ᠦᠬᠡᠷᠡᠴᠢᠯᠠᠯᠳᠠ ᠬᠦᠭᠵᠢᠯᠳᠠ ᠶᠢ ᠠᠬᠢᠭᠤᠯᠤᠨ᠎ᠠ᠃ ᠳᠠᠪᠤ ᠳᠤ᠂ ᠨᠠᠶᠢᠬᠡᠮ ᠤᠨ ᠨᠠᠭᠠᠳᠤ | ᠵᠠᠬ᠎ᠠ ᠶᠢᠨ ᠪᠠᠳᠤᠯᠠᠭ᠎ᠠ ᠶᠢᠨ ᠢᠨᠵᠧᠨᠧᠷᠢᠩ ᠢ ᠰᠠᠶᠢᠳᠤᠷ ᠠᠤᠨᠬᠤᠨ᠎ᠠ᠃ ᠨᠠᠶᠢᠬᠡᠮ ᠤᠨ ᠪᠠᠳᠤᠯᠠᠭ᠎ᠠ ᠶᠢᠨ ᠨᠦᠬᠦᠪᠤᠷᠢ ᠶᠢᠨ ᠪᠠᠷᠢᠮᠵᠢᠶ᠎ᠠ ᠶᠢ ᠤᠯᠠᠮ ᠨᠢᠬᠡ ᠠᠯᠬᠤᠮ | ᠳᠡᠬᠡᠭᠰᠢᠯᠡᠬᠦᠯᠵᠤ᠂ ᠶᠡᠭᠡ ᠰᠤᠷᠭᠠᠭᠤᠯᠢ ᠶᠢᠨ ᠬᠦᠴᠢᠷᠳᠠᠯ ᠲᠠᠢ ᠤᠶᠤᠳᠠᠤᠨ ᠤᠨ ᠰᠤᠷᠭᠠᠨ ᠬᠦᠮᠤᠵᠢᠯ ᠤᠨ ᠠᠪᠤᠷᠠᠨ ᠳᠤᠰᠠᠯᠠᠯᠳᠠ ᠪᠠ ᠳᠤᠤᠷ᠎ᠠ ᠤᠷᠤᠯᠭᠠᠳᠤ ᠮᠠᠯᠴᠢᠨ | ᠳᠠᠷᠢᠶᠠᠴᠢᠤᠨ ᠤᠨ ᠳᠤᠯᠠᠭᠠᠯᠭ᠎ᠠ ᠶᠢᠨ ᠨᠡᠬᠦᠷᠡᠰᠤᠨ ᠲᠦᠷᠤ ᠶᠢᠨ ᠪᠤᠳᠤᠯᠭ᠎ᠠ ᠶᠢ ᠦᠷᠬᠦᠯᠵᠢᠯᠡᠨ ᠰᠠᠶᠢᠳᠤᠷ ᠬᠡᠷᠡᠭᠵᠢᠬᠦᠯᠤᠨ᠎ᠠ᠃ ᠨᠠᠶᠢᠳᠠ ᠶᠢᠨ ᠲᠦᠷᠢᠶᠡᠰᠤᠨ ᠬᠡᠷ ᠢ | 1741᠂ ᠰᠢᠯᠵᠢᠭᠰᠡᠨ ᠮᠠᠯᠴᠢᠨ ᠳᠠᠷᠢᠶᠠᠴᠢᠤᠨ ᠤᠨ ᠰᠠᠭᠤᠴᠠ ᠶᠢ 1375 ᠪᠠᠶᠢᠭᠤᠯᠵᠤ᠂ ᠳᠤᠰ ᠵᠢᠯ ᠳᠤ ᠬᠡᠷ᠎ᠠ ᠳᠤᠭᠳᠠᠵᠤ ᠭᠠᠷ ᠤᠨ ᠦᠰᠦᠭ ᠵᠢᠷᠤᠭᠰᠡᠨ | ᠰᠢᠯᠵᠢᠭᠰᠡᠨ ᠮᠠᠯᠴᠢᠨ ᠳᠠᠷᠢᠶᠠᠴᠢᠤᠨ ᠢ ᠴᠦᠮ ᠤᠷᠤᠨ ᠰᠠᠭᠤᠴᠠ ᠲᠠᠢ ᠪᠤᠯᠭᠠᠨ᠎ᠠ᠃ ᠨᠠᠩᠰᠤ ᠪᠠᠯᠭᠠᠰᠤᠨ ᠤ ᠪᠠᠭᠰᠢ ᠠᠵᠢᠯᠳᠠᠤᠨ ᠤᠨ ᠰᠠᠭᠤᠴᠠ ᠶᠢ 72 | ᠪᠠᠶᠢᠭᠤᠯᠵᠤ᠂ ᠦᠨᠳᠤᠰᠤᠨ ᠱᠠᠳᠤᠨ ᠤ ᠰᠤᠷᠭᠠᠨ ᠬᠦᠮᠤᠵᠢᠯ ᠤᠨ ᠠᠵᠢᠯᠳᠠᠤᠨ ᠤᠨ ᠬᠦᠴᠢᠷᠳᠠᠯ ᠢ ᠰᠢᠢᠤᠨᠪᠤᠷᠢᠯᠡᠨᠠ᠃ ᠵᠢᠷᠭᠤᠭ᠎ᠠ ᠳᠤ᠂ ᠬᠡᠪ ᠴᠢᠨᠠᠷ ᠢ | ᠳᠡᠬᠡᠭᠰᠢᠯᠡᠬᠦᠯᠬᠦ ᠢᠨᠵᠧᠨᠧᠷᠢᠩ ᠢ ᠰᠢᠨᠠᠴᠢᠯᠡᠨ ᠬᠡᠷᠡᠭᠵᠢᠬᠦᠯᠤᠨ᠎ᠠ᠃ ︽ ᠦᠭᠬᠢᠶᠡᠮᠤᠷ ᠨᠠᠶᠢᠷᠠᠮᠳᠠᠭᠤ ᠳᠠᠯ᠎ᠠ ᠨᠤᠳᠤᠭ᠂ ᠦᠵᠡᠰᠬᠦᠯᠡᠩᠳᠤ ᠰᠠᠶᠢᠬᠠᠨ ᠡᠮᠤᠨᠡᠳᠤ ᠤᠳᠤᠭ︾ | ᠨᠠᠶᠢᠬᠡᠮ ᠤᠨ ᠵᠠᠰᠠᠯᠳᠠ ᠶᠢ ᠬᠦᠨᠵᠡᠬᠡᠢ ᠦᠷᠨᠢᠬᠦᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ︽ᠮᠠᠯᠴᠢᠨ ᠳᠠᠷᠢᠶᠠᠴᠢᠤᠨ ᠤᠨ ᠬᠡᠪ ᠴᠢᠨᠠᠷ ᠢ ᠳᠡᠬᠡᠭᠰᠢᠯᠡᠬᠦᠯᠬᠦ | ᠢᠨᠵᠧᠨᠧᠷᠢᠩ ᠤᠨ ᠬᠡᠷᠡᠭᠵᠢᠬᠦᠯᠬᠦ ᠲᠦᠰᠤᠯ︾ ᠢ ᠪᠤᠳᠠᠳᠠᠶᠢᠵᠢᠭᠤᠯᠵᠤ᠂ ︽ᠪᠡᠬᠡᠵᠢᠩ ᠠᠶᠢᠯ︾᠂ ︽ᠰᠠᠶᠢᠨ ᠪᠡᠷᠢ︾᠂ ︽ᠬᠡᠷ ᠤᠨ ᠰᠤᠷᠳᠠᠯ ᠤᠨ | ᠰᠢᠯᠭᠠᠷᠠᠭᠤᠯᠤᠯᠳᠠ︾ ᠵᠡᠷᠬᠡ ᠪᠤᠯᠪᠠᠰᠤᠨ ᠤ ᠠᠵᠢᠯᠯᠠᠭ᠎ᠠ ᠦᠷᠨᠢᠬᠦᠯᠵᠤ᠂ ᠨᠠᠶᠢᠬᠡᠮ ᠤᠨ ᠵᠠᠰᠠᠯᠳᠠ ᠶᠢᠨ ᠠᠭᠤᠯᠬᠤᠨ ᠢ ᠨᠡᠮᠡᠭᠳᠡᠬᠦᠯᠤᠨ᠂ ᠠᠶᠢᠯ ᠠᠶᠢᠮᠠᠭ ᠨᠠᠶᠢᠷᠳᠠᠢ᠂ | ᠨᠠᠶᠢᠬᠡᠮ ᠡᠶ᠎ᠡ ᠵᠤᠬᠢᠴᠠᠯ ᠲᠠᠢ᠂ ᠬᠦᠳᠡᠭᠡ ᠨᠤᠳᠤᠭ ᠤᠨ ᠤᠬᠢ ᠰᠠᠶᠢᠨ ᠬᠡᠪ ᠰᠤᠷᠳᠠᠯ ᠢ ᠳᠠᠶᠢᠴᠢᠯᠠᠵᠤ᠂ ᠮᠠᠯᠴᠢᠨ ᠳᠠᠷᠢᠶᠠᠴᠢᠤᠨ ᠤᠨ ᠬᠡᠪ ᠴᠢᠨᠠᠷ ᠬᠢᠬᠡᠤᠨ ᠠᠵᠤ | ᠤᠶᠢᠯᠡᠰ ᠤᠨ ᠬᠦᠭᠵᠢᠯᠳᠠ᠂ ᠤᠷᠤᠰᠢᠨ ᠰᠠᠭᠤᠬᠤ ᠤᠷᠴᠢᠨ ᠤ ᠵᠤᠬᠢᠴᠠᠯ ᠢ ᠪᠡᠶᠡᠯᠡᠬᠦᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ | ᠶᠡᠷᠥᠩᠭᠡᠶᠢᠯᠡᠭᠰᠡᠨ ᠴᠡᠭᠴᠡᠯᠡᠯᠳᠡ ᠶᠢ ᠭᠥᠴᠥᠯᠡᠨ ᠠᠬᠢᠭᠤᠯᠵᠤ᠂ ︽ᠡᠷᠥᠭᠡ ᠴᠡᠪᠡᠷᠯᠡᠭᠦ᠂ ᠭᠠᠴᠠᠭ᠎ᠠ ᠴᠤᠭᠯᠠᠭᠤᠯᠬᠤ᠂ ᠪᠠᠯᠭᠠᠰᠤ ᠵᠥᠭᠡᠭᠡᠪᠥᠷᠢᠯᠡᠭᠦ᠂ ᠬᠤᠰᠢᠭᠤ | ᠰᠢᠢᠳᠪᠥᠷᠢᠯᠡᠭᠦ︾ ᠶᠢ ᠭᠡᠷᠡᠭᠵᠢᠭᠦᠯᠵᠥ᠂ ᠥᠵᠡᠰᠭᠦᠯᠡᠩᠳᠤ ᠰᠠᠶᠢᠬᠠᠨ ᠭᠥᠳᠡᠭᠡ ᠨᠤᠳᠤᠭ ᠢ ᠴᠤᠭᠴᠠᠯᠠᠨ᠎ᠠ᠃ | ︵ᠭᠤᠷᠪᠠ︶ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠤᠨ ᠠᠷᠭ᠎ᠠ ᠬᠡᠯᠪᠡᠷᠢ ᠶᠢᠨ ᠬᠤᠪᠢᠷᠠᠭᠤᠯᠤᠯᠳᠠ ᠶᠢ ᠲᠦᠷᠬᠡᠤᠨᠬᠡᠨ᠎ᠠ᠃ ᠨᠢᠬᠡ ᠳᠤ᠂ ᠠᠵᠤ ᠤᠶᠢᠯᠡᠰ ᠤᠨ | ᠬᠦᠭᠵᠢᠯᠳᠠ ᠶᠢ ᠨᠢᠬᠡᠳᠤᠯᠳᠠᠢ ᠲᠦᠯᠤᠪᠯᠡᠨᠠ᠃ ᠡᠮᠤᠨᠡᠳᠤ ᠬᠡᠰᠡᠭ ᠲᠤ ᠭᠤᠤᠯᠳᠠᠭᠤ ᠤᠨᠴᠠᠯᠢᠭᠳᠤ ᠳᠠᠷᠢᠵᠤ ᠳᠡᠵᠢᠬᠡᠬᠦ ᠤᠶᠢᠯᠡᠰ ᠢ ᠬᠦᠭᠵᠢᠬᠦᠯᠵᠤ᠂ ᠨᠢᠩᠰᠢᠶᠠ ᠪᠠ | ᠱᠠᠨᠰᠢ ᠵᠡᠷᠬᠡ ᠤᠶᠢᠷ᠎ᠠ ᠬᠠᠪᠢ ᠶᠢᠨ ᠵᠠᠬ᠎ᠠ ᠳᠡᠯᠬᠡᠬᠦᠷ ᠯᠤᠭ᠎ᠠ ᠤᠶᠢᠯᠡᠤᠨᠪᠤᠷᠢᠯᠡᠯ ᠪᠤᠷᠤᠯᠠᠭᠤᠯᠭ᠎ᠠ ᠶᠢ ᠨᠢᠬᠡᠤᠨᠬᠡᠨᠠ︔ ᠤᠮᠠᠷᠠᠳᠤ ᠬᠡᠰᠡᠭ ᠲᠤ ᠭᠤᠤᠯᠳᠠᠭᠤ ᠴᠢᠨᠠᠷ | ᠰᠠᠶᠢᠳᠠᠢ ᠠᠯᠠᠰᠢᠨ ᠦᠬᠡᠷ᠂ ᠠᠯᠠᠰᠢᠨ ᠮᠠᠯ᠂ ᠨᠤᠤᠯᠤᠭᠤᠷ ᠤᠨ ᠢᠮᠠᠭ᠎ᠠ ᠶᠢ ᠳᠡᠵᠢᠬᠡᠨ ᠦᠷᠡᠵᠢᠬᠦᠯᠬᠦ ᠤᠶᠢᠯᠡᠰ ᠢ ᠬᠦᠭᠵᠢᠬᠦᠯᠤᠨ᠂ ᠰᠠᠶᠢᠨ ᠡᠬᠦᠯᠳᠡᠷ ᠤᠨ | ᠪᠠᠶᠢᠭᠤᠯᠤᠯᠳᠠ ᠶᠢ ᠠᠬᠢᠭᠤᠯᠵᠤ᠂ ᠠᠮᠢ ᠠᠬᠤᠶᠢᠴᠢ ᠮᠠᠯ ᠠᠵᠤ ᠠᠬᠤᠢ ᠶᠢᠨ ᠬᠦᠭᠵᠢᠯᠳᠠ ᠶᠢᠨ ᠪᠦᠰᠠ ᠶᠢ ᠴᠤᠭᠴᠠᠯᠠᠨ᠎ᠠ︔ ᠭᠠᠩ ᠬᠠᠭᠤᠷᠠᠢ ᠰᠢᠯᠢᠷᠬᠡᠭ ᠤᠷᠤᠨ ᠤ | ᠬᠠᠰᠢᠶ᠎ᠠ ᠰᠠᠷᠠᠪᠴᠢ ᠬᠢᠬᠡᠤᠨ ᠴᠠᠬᠢᠯᠭᠠᠨ ᠬᠦᠴᠤ ᠵᠡᠷᠬᠡ ᠰᠠᠭᠤᠷᠢ ᠲᠦᠬᠦᠬᠡᠷᠤᠮᠵᠢ ᠶᠢ ᠨᠢ ᠳᠡᠬᠦᠯᠳᠡᠷᠵᠢᠬᠦᠯᠵᠤ᠂ ᠪᠤᠷᠳᠤᠭ᠎ᠠ ᠡᠪᠡᠰᠤᠨ ᠬᠠᠩᠭᠠᠯᠭ᠎ᠠ ᠶᠢᠨ ᠰᠠᠭᠤᠷᠢᠨ ᠢ | ᠵᠤᠬᠢᠰᠳᠠᠢ ᠨᠡᠬᠡᠬᠡᠵᠤ᠂ ᠤᠶᠢᠯᠡᠤᠨᠪᠤᠷᠢᠯᠡᠯ ᠤᠨ ᠦᠪᠡᠷ ᠤᠨ ᠦᠷᠳᠡᠭ ᠢ ᠪᠠᠭᠤᠷᠠᠭᠤᠯᠤᠨ᠂ ᠮᠠᠯᠴᠢᠨ ᠳᠠᠷᠢᠶᠠᠴᠢᠤᠨ ᠤᠨ ᠤᠷᠤᠯᠭ᠎ᠠ ᠶᠢᠨ ᠦᠷᠬᠦᠯᠵᠢᠬᠦᠶᠢᠴᠠ ᠨᠡᠮᠡᠭᠳᠡᠯ | ᠤᠨ ᠴᠢᠳᠠᠪᠤᠷᠢ ᠶᠢ ᠳᠡᠬᠡᠭᠰᠢᠯᠡᠬᠦᠯᠤᠨ᠎ᠠ᠃ ᠬᠡᠪᠴᠢᠶᠡᠵᠢᠭᠰᠡᠨ ᠡᠷᠴᠢᠮᠵᠢᠭᠰᠡᠨ ᠡᠵᠡᠩᠨᠡᠯᠳᠠ ᠶᠢ ᠲᠦᠷᠬᠡᠤᠨᠬᠡᠨ᠂ ︽ᠠᠮᠤ ᠲᠦᠮᠤᠰᠤ᠂ ᠠᠵᠤ ᠠᠬᠤᠢ ᠶᠢᠨ ᠳᠠᠷᠢᠮᠠᠯ᠂ | ᠳᠡᠵᠢᠬᠡᠯ ᠡᠪᠡᠰᠤ︾ ᠶᠢᠨ ᠳᠠᠷᠢᠮᠠᠯ ᠤᠨ ᠬᠠᠷᠢᠴᠠᠯ ᠢ ᠳᠤᠬᠢᠷᠠᠭᠤᠯᠵᠤ᠂ ᠮᠠᠯᠴᠢᠨ ᠳᠠᠷᠢᠶᠠᠴᠢᠤᠨ ᠤᠨ ᠡᠷᠤᠬᠡ ᠬᠤᠯᠪᠤᠭᠠᠯᠠᠨ ᠡᠵᠡᠩᠨᠡᠬᠦ ᠶᠢ ᠵᠤᠷᠢᠭᠵᠢᠭᠤᠯᠤᠨ᠂ ᠠᠮᠢ | ᠠᠬᠤᠶᠢᠴᠢ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ 40᠂ ᠳᠡᠵᠢᠬᠡᠨ ᠦᠷᠡᠵᠢᠬᠦᠯᠬᠦ ᠡᠷᠤᠬᠡ ᠶᠢ 200 ᠪᠠᠶᠢᠭᠤᠯᠵᠤ᠂ ᠠᠵᠤ ᠤᠶᠢᠯᠡᠰ ᠤᠨ ᠪᠦᠳᠤᠴᠠ ᠶᠢᠨ | ᠳᠤᠬᠢᠷᠠᠭᠤᠯᠤᠯᠳᠠ ᠶᠢᠨ ᠳᠠᠭᠤᠷᠢᠶᠠᠯ ᠭᠠᠴᠠᠭ᠎ᠠ ᠳᠤᠰᠬᠤᠨ 11 ᠪᠠ ᠠᠵᠤ ᠤᠶᠢᠯᠡᠰ ᠤᠨ ᠬᠦᠭᠵᠢᠬᠦᠯᠤᠯᠳᠠ ᠶᠢᠨ ᠭᠤᠤᠯᠳᠠᠯᠭᠠᠳᠤ ᠭᠠᠴᠠᠭ᠎ᠠ ᠳᠤᠰᠬᠤᠨ 16 ᠶᠢ | ᠪᠠᠶᠢᠭᠤᠯᠤᠨ᠎ᠠ᠃ ᠬᠤᠶᠠᠷ ᠲᠤ᠂ ᠮᠠᠯ ᠳᠠᠷᠢᠶᠠᠯᠠᠩ ᠤᠨ ᠰᠢᠨ᠎ᠠ ᠬᠡᠯᠪᠡᠷᠢ ᠶᠢᠨ ᠡᠵᠡᠩᠨᠡᠯᠳᠠ ᠶᠢᠨ ᠪᠡᠶᠡᠴᠢ ᠴᠤᠭᠴᠠ ᠶᠢ ᠪᠤᠶᠢᠵᠢᠭᠤᠯᠤᠨ᠂ ᠬᠠᠮᠳᠤᠷᠠᠯ ᠵᠤᠬᠢᠶᠠᠨ | ᠪᠠᠶᠢᠭᠤᠯᠤᠯᠳᠠ᠂ ᠦᠨ᠎ᠠ ᠵᠠᠰᠠᠭᠴᠢᠤᠨ ᠤᠨ ᠡᠩᠨᠡᠭᠡ ᠶᠢ ᠰᠢᠯᠢᠳᠡᠭᠵᠢᠬᠦᠯᠤᠨ ᠴᠡᠭᠴᠡᠯᠡᠵᠤ᠂ ᠭᠤᠤᠯᠳᠠᠯᠭᠠᠳᠠᠢ ᠪᠠᠷ ᠪᠡᠯᠡ ᠮᠦᠩᠬᠦ ᠪᠠ ᠲᠦᠷᠤᠯ ᠵᠦᠢᠯ ᠤᠨ | ᠬᠠᠷᠠᠭᠠᠯᠵᠠᠯ ᠬᠦᠷᠳᠡᠬᠡᠵᠤ᠂ ᠪᠦᠬᠦ ᠮᠠᠯᠴᠢᠨ ᠳᠠᠷᠢᠶᠠᠴᠢᠨ ᠡᠷᠤᠬᠡ ᠶᠢᠨ 60% ᠠᠴᠠ ᠳᠡᠬᠡᠭᠰᠢᠬᠢ ᠶᠢ ᠳᠤᠰ ᠵᠢᠯ ᠬᠠᠮᠳᠤᠷᠠᠯ ᠵᠤᠬᠢᠶᠠᠨ ᠪᠠᠶᠢᠭᠤᠯᠤᠯᠳᠠ ᠳᠤ | ᠤᠷᠤᠭᠤᠯᠤᠨ᠎ᠠ᠃ 500 ᠲᠦᠮᠡᠨ ᠲᠦᠬᠦᠷᠢᠭ ᠪᠡᠯᠡ ᠵᠠᠷᠤᠴᠠᠭᠤᠯᠤᠨ ᠬᠤᠰᠢᠭᠤ ᠳᠡᠰ ᠤᠨ ᠮᠠᠯ ᠳᠠᠷᠢᠶᠠᠯᠠᠩ ᠤᠨ ᠤᠨᠴᠠᠯᠢᠭᠳᠤ ᠠᠵᠤ ᠤᠶᠢᠯᠡᠰ ᠤᠨ ᠬᠦᠭᠵᠢᠯᠳᠠ | ᠶᠢᠨ ᠰᠠᠭᠤᠷᠢ ᠮᠦᠩᠬᠦ ᠳᠤᠬᠢᠷᠠᠭᠤᠯᠵᠤ᠂ ᠮᠦᠩᠬᠦᠨ ᠬᠦᠢᠯᠬᠡᠬᠡᠨ ᠤ ᠰᠠᠯᠠᠭ᠎ᠠ ᠮᠦᠴᠢᠷ ᠢᠶᠠᠷ ᠳᠠᠮᠵᠢᠭᠤᠯᠤᠨ᠂ ᠪᠡᠯᠡ ᠮᠦᠩᠬᠦᠨ ᠤ ᠠᠰᠢᠭᠯᠠᠮᠵᠢ ᠶᠢ ᠨᠡᠮᠡᠭᠳᠡᠬᠦᠯᠤᠨ᠂ | ᠳᠠᠶᠢᠴᠢᠯᠠᠬᠤ ᠤᠶᠢᠯᠡᠳᠤᠯ ᠢᠶᠠᠷ ᠦᠷᠬᠡᠨ᠂ ᠨᠦᠯᠤᠬᠡᠯᠡᠬᠦ ᠬᠦᠴᠤᠨ ᠴᠢᠩᠭ᠎ᠠ ᠳᠤᠯᠤᠭᠠᠶᠢᠯᠠᠭᠴᠢ ᠠᠵᠤ ᠠᠬᠤᠶᠢᠯᠠᠯ ᠪᠠ ᠳᠤᠰᠬᠠᠢ ᠬᠠᠮᠳᠤᠷᠠᠯ ᠵᠤᠬᠢᠶᠠᠨ ᠪᠠᠶᠢᠭᠤᠯᠤᠯᠳᠠ | ᠵᠢᠴᠢ ᠳᠠᠷᠢᠵᠤ ᠳᠡᠵᠢᠬᠡᠬᠦ ᠳᠤᠮᠤ ᠡᠷᠤᠬᠡ ᠶᠢ ᠭᠤᠤᠯᠳᠠᠯᠭᠠᠳᠠᠢ ᠳᠡᠮᠵᠢᠨ᠂ ᠮᠠᠯ ᠳᠠᠷᠢᠶᠠᠯᠠᠩ ᠤᠨ ᠪᠦᠳᠤᠬᠡᠭᠳᠡᠬᠦᠨ ᠤ ᠨᠠᠷᠢᠯᠢᠭ ᠪᠤᠯᠪᠠᠰᠤᠷᠠᠭᠤᠯᠤᠯᠳᠠ ᠶᠢᠨ | ᠳᠠᠶᠢᠴᠢᠯᠠᠭᠴᠢ ᠠᠵᠤ ᠠᠬᠤᠶᠢᠯᠠᠯ ᠢ ᠪᠠᠶᠢᠭᠤᠯᠵᠤ᠂ ᠳᠤᠰ ᠵᠢᠯ ᠳᠤ ᠦᠪᠡᠷᠳᠡᠬᠡᠨ ᠵᠠᠰᠠᠬᠤ ᠤᠷᠤᠨ ᠤ ᠳᠡᠰ ᠤᠨ ᠳᠤᠯᠤᠭᠠᠶᠢᠯᠠᠬᠤ ᠠᠵᠤ ᠠᠬᠤᠶᠢᠯᠠᠯ ᠢ 2᠂ ᠬᠤᠳᠠ | ᠶᠢᠨ ᠳᠡᠰ ᠤᠨ ᠳᠤᠯᠤᠭᠠᠶᠢᠯᠠᠬᠤ ᠠᠵᠤ ᠠᠬᠤᠶᠢᠯᠠᠯ ᠢ 2 ᠪᠤᠶᠢᠵᠢᠭᠤᠯᠵᠤ᠂ 15 — 20 ᠬᠠᠮᠳᠤᠷᠠᠯ ᠵᠤᠬᠢᠶᠠᠨ ᠪᠠᠶᠢᠭᠤᠯᠤᠯᠳᠠ ᠶᠢ ᠳᠡᠤᠨᠬᠦᠨ | ᠪᠤᠵᠠᠭᠠᠶᠢᠷᠠᠭᠤᠯᠤᠨ᠎ᠠ᠃ ᠳᠠᠷᠢᠬᠤ ᠳᠡᠵᠢᠬᠡᠬᠦ ᠡᠳ᠋ᠰᠢᠬᠦᠯᠬᠦ ᠪᠤᠷᠤᠯᠠᠭᠤᠯᠬᠤ ᠪᠦᠬᠦ ᠠᠵᠢᠯ ᠤᠶᠢᠯᠡᠰ ᠤᠨ ᠬᠡᠯᠬᠢᠶᠡᠨ ᠤ ᠳᠤᠭᠤᠷᠢᠨ ᠳᠤ ᠠᠷᠠᠯᠵᠢᠶᠠᠴᠢᠨ ᠤᠷᠢᠨ ᠪᠡᠯᠡ | ᠳᠠᠳᠠᠬᠤ ᠬᠦᠴᠤᠯᠡᠴᠠ ᠪᠠᠨ ᠨᠡᠮᠡᠭᠳᠡᠬᠦᠯᠵᠤ᠂ ᠨᠢᠬᠡ ᠪᠦᠯᠦᠭ ᠪᠤᠳᠠᠳᠤ ᠬᠦᠴᠤᠨ ᠪᠦᠬᠦᠢ ᠢᠳᠡᠬᠡᠯ ᠨᠠᠶᠢᠳᠠᠪᠤᠷᠢ ᠲᠠᠢ ᠤᠷᠤᠨ ᠤ ᠳᠤᠳᠤᠨ᠎ᠠ ᠭᠠᠳᠠᠨᠠᠬᠢ ᠠᠵᠤ | ᠠᠬᠤᠶᠢᠯᠡᠯ ᠢ ᠮᠠᠨ ᠤ ᠬᠤᠰᠢᠭᠤᠨ ᠳᠤ ᠤᠷᠤᠨᠵᠢᠭᠤᠯᠤᠨᠠ᠃ ᠾᠧᠩ ᠺᠧ᠂ ᠮᠧᠩ ᠯᠢ᠂ ᠵᠦᠩ ᠴᠤᠸᠠᠨ ᠵᠡᠷᠬᠡ ᠳᠤᠯᠤᠭᠠᠶᠢᠯᠠᠭᠴᠢ ᠠᠵᠤ ᠠᠬᠤᠶᠢᠯᠠᠯ ᠤᠨ ᠠᠰᠢᠭ | ᠳᠤᠰᠠ ᠶᠢᠨ ᠬᠠᠮᠳᠤᠷᠠᠯᠴᠠᠭ᠎ᠠ ᠶᠢ ᠴᠢᠩᠭᠠᠤᠨᠬᠠᠨ᠂ ︽ᠺᠤᠮᠫᠠᠨᠢ+ ᠰᠠᠭᠤᠷᠢᠨ ᠭᠠᠵᠠᠷ+ ᠬᠠᠮᠳᠤᠷᠠᠯ ᠵᠤᠬᠢᠶᠠᠨ ᠪᠠᠶᠢᠭᠤᠯᠤᠯᠳᠠ+ ᠮᠠᠯᠴᠢᠨ ᠳᠠᠷᠢᠶᠠᠴᠢᠨ ᠡᠷᠤᠬᠡ︾ | ᠂ ︽ᠵᠠᠬᠢᠶᠠᠯᠠᠭ᠎ᠠ ᠶᠢᠨ ᠮᠠᠯ ᠳᠠᠷᠢᠶᠠᠯᠠᠩ ᠤᠨ ᠤᠶᠢᠯᠡᠰ︾ ᠵᠡᠷᠬᠡ ᠡᠵᠡᠩᠨᠡᠯᠳᠠ ᠶᠢᠨ ᠵᠠᠭᠪᠤᠷ ᠢ ᠲᠦᠬᠡᠮᠡᠯᠵᠢᠬᠦᠯᠤᠨ᠂ ᠰᠢᠨ᠎ᠠ ᠬᠡᠯᠪᠡᠷᠢ ᠶᠢᠨ ᠡᠵᠡᠩᠨᠡᠯᠳᠠ ᠶᠢᠨ ᠪᠡᠶᠡᠴᠢ | ᠴᠤᠭᠴᠠ ᠶᠢᠨ ᠳᠠᠶᠢᠴᠢᠯᠠᠨ ᠳᠠᠭᠠᠭᠤᠯᠬᠤ ᠤᠶᠢᠯᠡᠳᠤᠯ ᠢ ᠪᠠᠳᠠᠷᠠᠭᠠᠨ᠎ᠠ᠃ ᠭᠤᠷᠪᠠ ᠳᠤ᠂ ᠨᠡᠷᠡᠳᠤ ᠳᠡᠮᠳᠡᠭ ᠤᠨ ᠠᠵᠢᠯ ᠢ ᠰᠠᠶᠢᠳᠤᠷ ᠬᠢᠨ᠎ᠠ᠃ ᠮᠠᠯ ᠳᠠᠷᠢᠶᠠᠯᠠᠩ ᠤᠨ | ᠪᠦᠳᠤᠬᠡᠭᠳᠡᠬᠦᠨ ᠤ ᠡᠬᠢ ᠶᠢ ᠬᠡᠳᠡᠷᠬᠦ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠳᠠ ᠶᠢ ᠬᠦᠴᠤᠯᠡᠨ ᠠᠬᠢᠭᠤᠯᠵᠤ᠂ ᠮᠠᠯ ᠳᠠᠷᠢᠶᠠᠯᠠᠩ ᠤᠨ ᠬᠦᠨᠤᠬᠡᠯ ᠦᠬᠡᠢ | ᠪᠦᠳᠤᠬᠡᠭᠳᠡᠬᠦᠨ᠂ ᠪᠤᠬᠢᠷᠳᠤᠯ ᠦᠬᠡᠢ ᠢᠳᠡᠬᠡᠨ᠂ ᠮᠠᠯ ᠳᠠᠷᠢᠶᠠᠯᠠᠩ ᠤᠨ ᠤᠷᠭᠠᠨᠢᠭ ᠪᠦᠳᠤᠬᠡᠭᠳᠡᠬᠦᠨ ᠤ ᠬᠡᠷᠡᠴᠢᠯᠠᠯ ᠬᠢᠬᠡᠤᠨ ᠮᠠᠯ ᠳᠠᠷᠢᠶᠠᠨ ᠤ ᠠᠰᠢᠭ ᠰᠢᠮ᠎ᠠ ᠶᠢᠨ | ᠭᠠᠵᠠᠷ ᠵᠦᠢ ᠶᠢᠨ ᠢᠯᠡᠤᠨᠬᠡᠯ ᠳᠠᠩᠰᠠᠯᠠᠯᠳᠠ ᠶᠢ ᠰᠠᠶᠢᠳᠤᠷ ᠬᠢᠨ᠂ ᠤᠷᠭᠠᠨᠢᠭ ᠡᠪᠡᠰᠤ ᠪᠡᠯᠴᠢᠬᠡᠷ ᠤᠨ ᠬᠡᠷᠡᠴᠢᠯᠠᠯ ᠤᠨ ᠠᠬᠢᠯᠳᠠ ᠶᠢ ᠲᠦᠷᠬᠡᠤᠨᠬᠡᠵᠤ᠂ 2 ᠲᠦᠮᠡᠨ | ᠮᠠᠯ ᠤᠨ ᠮᠢᠬ᠎ᠠ ᠶᠢ ᠬᠡᠳᠡᠷᠬᠦ ᠨᠡᠬᠡᠮᠵᠢᠯᠡᠬᠦ ᠬᠡᠷᠡᠴᠢᠯᠠᠯᠬᠡ ᠬᠢᠵᠤ᠂ ᠤᠯᠤᠰ᠂ ᠦᠪᠡᠷᠳᠡᠬᠡᠨ ᠵᠠᠰᠠᠬᠤ ᠤᠷᠤᠨ ᠤ ᠳᠡᠰ ᠤᠨ ᠮᠠᠯ ᠳᠠᠷᠢᠶᠠᠯᠠᠩ ᠤᠨ ᠤᠷᠭᠠᠨᠢᠭ | ᠪᠦᠳᠤᠬᠡᠭᠳᠡᠬᠦᠨ ᠤ ᠨᠡᠷᠡᠳᠤ ᠳᠡᠮᠳᠡᠭ ᠢ 2— 3 ᠪᠤᠶᠢᠵᠢᠭᠤᠯᠤᠨ᠎ᠠ᠃ ᠲᠦᠷᠪᠡ ᠳᠤ᠂ ᠵᠠᠬ᠎ᠠ ᠳᠡᠯᠬᠡᠬᠦᠷ ᠢ ᠬᠦᠴᠤᠯᠡᠨ ᠦᠷᠬᠡᠤᠨᠬᠡᠨᠠ᠃ ᠳᠤᠯᠤᠭᠠᠶᠢᠯᠠᠭᠴᠢ ᠠᠵᠤ | ᠠᠬᠤᠶᠢᠯᠡᠯ ᠤᠨ ᠨᠢᠬᠡ ᠬᠤᠶᠠᠷ ᠭᠤᠷᠪᠠᠳᠤᠭᠠᠷ ᠤᠳᠠᠰᠤᠨ ᠤ ᠬᠤᠳᠠ ᠤᠳ ᠲᠤ ᠬᠦᠷᠴᠤ ᠰᠢᠭᠤᠤᠨ ᠡᠵᠡᠩᠨᠡᠯᠳᠠ ᠶᠢᠨ ᠳᠡᠯᠬᠡᠬᠦᠷ ᠨᠡᠬᠡᠬᠡᠬᠦ ᠶᠢ ᠵᠤᠷᠢᠭᠵᠢᠭᠤᠯᠤᠨ᠂ | ᠪᠤᠷᠤᠯᠠᠭᠤᠯᠭ᠎ᠠ ᠶᠢᠨ ᠳᠤᠤᠷ ᠢᠶᠠᠨ ᠬᠤᠳᠠ ᠤᠷᠤᠨ ᠵᠦᠭ ᠦᠷᠬᠡᠤᠨᠬᠡᠵᠤ᠂ ︽ᠳᠠᠷᠢᠶᠠᠴᠢᠤᠨ ᠴᠢᠯᠤᠬᠡᠳᠤ ᠳᠡᠯᠬᠡᠬᠦᠷ ᠤᠨ ᠬᠠᠮᠳᠤᠷᠠᠯᠴᠠᠭ᠎ᠠ᠂ ᠳᠠᠷᠢᠶᠠᠴᠢᠤᠨ ᠨᠠᠶᠢᠬᠡᠮ | ᠳᠤᠭᠤᠷᠢᠭ ᠤᠨ ᠬᠠᠮᠳᠤᠷᠠᠯᠴᠠᠭ᠎ᠠ︾ ᠶᠢ ᠪᠡᠶᠡᠯᠡᠬᠦᠯᠤᠨ᠎ᠠ᠃ ︽ᠢᠨᠲ᠋ᠧᠷ ᠰᠦᠯᠵᠢᠶ᠎ᠡ+︾ ᠰᠢᠨ᠎ᠠ ᠠᠵᠤ ᠤᠶᠢᠯᠡᠰ ᠤᠨ ᠬᠡᠯᠪᠡᠷᠢ ᠶᠢ ᠬᠦᠢᠴᠡᠤᠨ ᠪᠠᠳᠠᠷᠠᠭᠤᠯᠵᠤ᠂ | ᠡᠯᠧᠺᠲᠷᠤᠨ ᠠᠷᠠᠯᠵᠢᠶ᠎ᠠ ᠪᠤᠷᠤᠯᠠᠭᠤᠯᠭ᠎ᠠ ᠶᠢᠨ ᠳᠡᠪᠴᠠᠩ ᠢ ᠳᠡᠰ ᠳᠡᠪᠰᠢᠬᠦᠯᠤᠨ ᠳᠡᠮᠵᠢᠵᠤ ᠵᠤᠷᠢᠭᠵᠢᠭᠤᠯᠤᠨ᠂ ᠮᠠᠯ ᠳᠠᠷᠢᠶᠠᠨ ᠠᠰᠢᠭ ᠰᠢᠮ᠎ᠠ ᠶᠢ ᠵᠠᠬ᠎ᠠ ᠳᠡᠯᠬᠡᠬᠦᠷ | ᠲᠤ ᠭᠠᠷᠭᠠᠬᠤ ᠵᠠᠮ ᠮᠦᠷ ᠢ ᠰᠢᠯᠤᠭᠤᠤᠨᠬᠠᠨᠠ᠃ ᠢᠳᠡᠰᠢᠨ ᠨᠤᠭᠤᠭᠠᠨ ᠤ ᠰᠢᠨ᠎ᠠ ᠰᠤᠷᠭᠤᠭ ᠢ ᠪᠠᠳᠤᠯᠠᠵᠤ᠂ ᠮᠠᠯ ᠤᠨ ᠠᠰᠢᠭ ᠰᠢᠮ᠎ᠠ ᠶᠢ ᠬᠦᠮᠤᠷᠬᠡᠯᠡᠬᠦ ᠪᠠᠷ | ᠭᠤᠤᠯᠯᠠᠭᠤᠯᠤᠭᠰᠡᠨ ᠨᠢᠬᠡ ᠪᠦᠯᠦᠭ ᠬᠦᠷᠤᠬᠡᠨ ᠳᠠᠮᠵᠢᠭᠤᠯᠭ᠎ᠠ ᠶᠢᠨ ᠰᠢᠰᠲ᠋ᠧᠮ ᠢ ᠪᠠᠶᠢᠭᠤᠯᠵᠤ᠂ ᠵᠠᠬ᠎ᠠ ᠳᠡᠯᠬᠡᠬᠦᠷ ᠤᠨ ᠦᠵᠤᠬᠦᠷᠰᠢᠯ ᠤᠨ ᠰᠠᠭᠤᠷᠢ ᠶᠢ | ᠪᠠᠬᠢᠵᠢᠬᠦᠯᠤᠨ᠂ ᠤᠨᠴᠠᠯᠢᠭᠳᠤ ᠮᠠᠯ ᠳᠠᠷᠢᠶᠠᠯᠠᠩ ᠤᠨ ᠪᠦᠳᠤᠬᠡᠭᠳᠡᠬᠦᠨ ᠤ ᠵᠠᠬ᠎ᠠ ᠳᠡᠯᠬᠡᠬᠦᠷ ᠲᠤ ᠭᠠᠷᠬᠤ ᠦᠷᠢᠰᠬᠦ ᠬᠦᠴᠤᠨ ᠢ ᠨᠡᠮᠡᠭᠳᠡᠬᠦᠯᠤᠨ᠎ᠠ᠃ ᠦᠨᠤ ᠵᠢᠯ | ᠨᠢᠬᠡᠳᠤᠬᠡᠷ ᠠᠵᠤ ᠤᠶᠢᠯᠡᠰ ᠤᠨ ᠨᠡᠮᠡᠭᠳᠡᠯ ᠦᠷᠳᠡᠭ ᠢ 12.9 ᠳ᠋ᠦᠩᠰᠢᠭᠤᠷ ᠪᠡᠶᠡᠯᠡᠬᠦᠯᠵᠤ᠂ 7.5% ᠨᠡᠮᠡᠭᠳᠡᠬᠦᠯᠤᠨ᠎ᠠ᠃ | ︵ᠲᠦᠷᠪᠠ︶ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠬᠦᠭᠵᠢᠬᠡᠨ᠎ᠠ᠃ ᠨᠢᠬᠡ ᠳᠤ᠂ ᠰᠤᠶᠤᠯ ᠵᠢᠭᠤᠯᠴᠢᠯᠠᠯ ᠤᠨ ᠤᠶᠢᠯᠡᠰ ᠤᠨ ᠬᠦᠭᠵᠢᠯᠳᠠ ᠶᠢ | ᠠᠮᠢᠳᠤᠯᠢᠭᠵᠢᠭᠤᠯᠤᠨ᠎ᠠ᠃ ᠶᠡᠭᠡ ᠳᠤᠬᠤᠢ᠂ ᠵᠢᠷᠠᠨ ᠬᠠᠶᠢᠯᠠᠰᠤ᠂ ᠪᠠᠶᠠᠨᠰᠢᠪᠠᠷ ᠤᠨ ᠴᠠᠶᠢᠳᠠᠮ ᠵᠡᠷᠬᠡ ᠤᠨᠴᠠᠯᠢᠭᠳᠤ ᠦᠵᠡᠮᠵᠢ ᠶᠢᠨ ᠤᠷᠤᠨ ᠢ ᠨᠡᠬᠡᠬᠡᠯᠳᠠ ᠬᠢᠵᠤ᠂ | ᠶᠠᠨ ᠠᠨ ᠤ ᠦᠨᠳᠤᠰᠤᠳᠠᠨ ᠤ ᠳᠡᠬᠡᠳᠤ ᠰᠤᠷᠭᠠᠭᠤᠯᠢ ᠶᠢᠨ ᠪᠤᠯᠪᠠᠰᠤᠷᠠᠯ ᠤᠨ ᠲᠦᠪ ᠢ ᠪᠠᠶᠢᠭᠤᠯᠤᠨ᠂ ᠵᠡᠬᠦᠨᠰᠢ ᠳᠡᠯᠡᠭᠰᠡᠨ ᠵᠢᠭᠤᠯᠴᠢᠯᠠᠯ ᠤᠨ ᠵᠠᠬ᠎ᠠ ᠳᠡᠯᠬᠡᠬᠦᠷ ᠢ | ᠦᠷᠬᠡᠤᠨᠬᠡᠵᠤ᠂ ᠵᠡᠬᠦᠨ ᠪᠠᠷᠠᠭᠤᠨ ᠬᠤᠶᠠᠷ ᠳᠠᠯ᠎ᠠ ᠪᠠᠷ ᠵᠤᠬᠢᠴᠠᠩᠭᠤᠢ ᠬᠦᠭᠵᠢᠨ ᠬᠠᠷᠢᠯᠴᠠᠨ ᠨᠦᠬᠦᠪᠤᠷᠢᠯᠡᠭᠰᠡᠨ ᠵᠢᠭᠤᠯᠴᠢᠯᠠᠯ ᠤᠨ ᠤᠶᠢᠯᠡᠰ ᠤᠨ ᠬᠦᠭᠵᠢᠯᠳᠠ ᠶᠢᠨ | ᠳᠤᠭᠳᠠᠯᠴᠠᠭ᠎ᠠ ᠶᠢ ᠪᠦᠷᠢᠯᠳᠤᠬᠦᠯᠤᠨ᠎ᠠ᠃ ᠤᠯᠵᠠᠴᠢ ᠶᠢᠨ ᠵᠢᠭᠤᠯᠴᠢᠤᠨ ᠤᠨ ᠲᠦᠪ ᠬᠢᠬᠡᠤᠨ ᠳᠤᠭᠯᠠᠯᠳᠠ ᠶᠢᠨ ᠲᠦᠪ ᠢ ᠡᠵᠡᠩᠨᠡᠨ᠂ ᠭᠤᠤᠯ ᠵᠠᠮ ᠱᠤᠭᠤᠮ ᠳᠠᠭᠠᠤ | ᠵᠢᠭᠤᠯᠴᠢᠯᠠᠯ ᠰᠡᠯᠡᠬᠦᠴᠡᠯ ᠤᠨ ᠦᠷᠳᠡᠭᠡ ᠪᠠᠶᠢᠭᠤᠯᠵᠤ᠂ ᠤᠶᠢᠷ᠎ᠠ ᠬᠠᠪᠢ ᠶᠢᠨ ᠮᠤᠵᠢ ᠤᠷᠤᠨ ᠤ ᠭᠤᠤᠯᠳᠠᠯᠭᠠᠳᠤ ᠵᠢᠭᠤᠯᠴᠢᠯᠠᠯ ᠤᠨ ᠭᠠᠵᠠᠷ ᠵᠢᠭᠠᠭᠰᠡᠨ ᠫᠠᠶᠢᠰᠠ | ᠢᠯᠡᠷᠬᠡᠶᠢᠯᠡᠯ ᠢ ᠳᠡᠬᠦᠯᠳᠡᠷᠵᠢᠬᠦᠯᠵᠤ᠂ ᠵᠢᠭᠤᠯᠴᠢᠤᠨ ᠲᠤ ᠪᠦᠬᠦ ᠳᠠᠯ᠎ᠠ ᠶᠢᠨ ᠲᠦᠪᠯᠡᠷᠡᠩᠬᠦᠢ ᠤᠶᠢᠯᠡᠴᠢᠯᠡᠭᠡ ᠬᠠᠩᠭᠠᠨ᠎ᠠ᠃ ᠤᠯᠤᠰ ᠤᠨ ᠳᠡᠰ ᠤᠨ ᠠᠮᠢ ᠠᠬᠤᠢ ᠶᠢᠨ | ᠬᠠᠮᠠᠭᠠᠯᠠᠯᠳᠠ ᠶᠢᠨ ᠤᠷᠤᠨ ᠤ ᠲᠦᠷᠤᠯ ᠵᠦᠢᠯ ᠢ ᠳᠡᠮᠡᠴᠡᠨ ᠤᠯᠵᠤ᠂ ᠪᠠᠶᠠᠨᠰᠢᠪᠠᠷ ᠤᠨ ᠨᠤᠭᠤ ᠭᠠᠵᠠᠷ ᠤᠨ ᠬᠦᠷᠢᠶᠡᠯᠡᠩ᠂ ᠵᠢᠷᠠᠨ ᠬᠠᠶᠢᠯᠠᠰᠤ ᠶᠢᠨ ᠠᠮᠢ ᠠᠬᠤᠢ | ᠶᠢᠨ ᠴᠡᠴᠡᠷᠯᠢᠭ ᠬᠢᠬᠡᠤᠨ ᠳᠤᠯᠤᠨ ᠮᠠᠩᠬᠠᠨ ᠴᠡᠴᠡᠷᠯᠢᠭ ᠤᠨ ᠪᠠᠶᠢᠭᠤᠯᠤᠯᠳᠠ ᠶᠢ ᠭᠤᠶᠤᠪᠴᠢᠯᠠᠵᠤ ᠮᠡᠳᠡᠬᠦᠯᠤᠨ᠂ ᠳᠡᠰ ᠲᠦᠪᠰᠢᠨ ᠢ ᠨᠢ ᠳᠡᠬᠡᠭᠰᠢᠯᠡᠬᠦᠯᠤᠨ᠎ᠠ᠃ | ᠰᠤᠶᠤᠯ ᠵᠢᠭᠤᠯᠴᠢᠯᠠᠯ ᠤᠨ ᠠᠭᠤᠰᠤᠯᠴᠠᠭᠰᠡᠨ ᠬᠦᠭᠵᠢᠯᠳᠠ ᠶᠢ ᠠᠬᠢᠭᠤᠯᠵᠤ᠂ ᠶᠢᠤᠵᠸᠤ ᠬᠤᠳᠠ ᠶᠢᠨ ᠪᠠᠭᠤᠷᠢ ᠶᠢ ᠬᠠᠮᠠᠭᠠᠯᠠᠨ ᠰᠡᠯᠪᠢᠬᠦ ᠪᠠ ᠳᠠᠬᠢᠯᠳᠤ ᠶᠢᠨ | ᠠᠵᠢᠯᠯᠠᠬᠤ ᠬᠤᠷᠢᠶ᠎ᠠ ᠶᠢ ᠦᠬᠡᠷᠡᠴᠢᠯᠡᠬᠦ ᠢᠨᠵᠧᠨᠧᠷᠢᠩ ᠢ ᠬᠡᠷᠡᠭᠵᠢᠬᠦᠯᠤᠨ᠂ ᠬᠠᠷᠢ ᠵᠢᠷᠭᠤᠭᠠᠨ ᠵᠠᠬᠢᠷᠭ᠎ᠠ ᠶᠢᠨ ᠰᠤᠶᠤᠯ ᠢ ᠠᠭᠤᠳᠠᠯᠠᠵᠤ᠂ ᠬᠠᠷᠢ ᠵᠢᠷᠭᠤᠭᠠᠨ ᠵᠠᠬᠢᠷᠭ᠎ᠠ | ᠶᠢᠨ ᠮᠦᠽᠸᠢ ᠪᠠᠶᠢᠭᠤᠯᠵᠤ᠂ ︽ᠡᠯᠡᠰᠤᠨ ᠴᠦᠯ ᠤᠨ ᠳᠡᠷᠬᠡᠨ ᠤᠷᠤᠯᠳᠤᠭᠠᠨ ᠤ ᠨᠠᠶᠢᠷ︾᠂ ︽ᠴᠠᠬᠢᠷᠮ᠎ᠠ ᠴᠡᠴᠡᠭ ᠰᠡᠬᠦᠳᠡᠷ ᠤᠷᠠᠯᠢᠭ ᠤᠨ ᠨᠠᠶᠢᠷ︾᠂ ︽ | ᠭᠤᠯᠤᠮᠳᠠ ᠭᠠᠯ ᠳᠠᠬᠢᠯᠭ᠎ᠠ︾᠂ ︽ᠨᠠᠭᠠᠳᠤᠮ︾ ᠵᠡᠷᠬᠡ ᠪᠠᠶᠠᠷ ᠴᠡᠩᠬᠡᠯ ᠤᠨ ᠠᠵᠢᠯᠯᠠᠭ᠎ᠠ ᠡᠷᠬᠢᠯᠡᠨ᠂ ᠵᠢᠭᠤᠯᠴᠢᠯᠠᠯ ᠤᠨ ᠤᠴᠢᠷ ᠤᠤᠠᠬ᠎ᠠ ᠶᠢ ᠪᠠᠶᠠᠯᠢᠭᠵᠢᠭᠤᠯᠤᠨ᠎ᠠ | ᠃ ᠵᠢᠭᠤᠯᠴᠢᠯᠠᠯ ᠤᠨ ᠴᠢᠮᠡᠭᠡ ᠵᠠᠩᠬᠢ ᠶᠢᠨ ᠳᠠᠪᠴᠠᠩ ᠪᠠᠶᠢᠭᠤᠯᠤᠨ᠂ ᠨᠢᠩᠰᠢᠶᠠ ᠵᠡᠷᠬᠡ ᠬᠠᠪᠢ ᠭᠠᠵᠠᠷ ᠤᠷᠤᠨ ᠤ ᠵᠢᠭᠤᠯᠴᠢᠯᠠᠯ ᠤᠨ ᠺᠤᠮᠫᠠᠨᠢ ᠪᠠ ᠰᠢᠶᠧ ᠴᠧᠩ᠂ | ᠲᠥᠩ ᠴᠧᠩ ᠵᠡᠷᠬᠡ ᠳᠤᠮᠤ ᠠᠵᠤ ᠠᠬᠤᠶᠢᠯᠠᠯ᠂ ᠳᠤᠮᠤ ᠳᠠᠪᠴᠠᠩ ᠯᠤᠭ᠎ᠠ ᠶᠢᠨ ᠵᠢᠭᠤᠯᠴᠢᠯᠠᠯ ᠤᠨ ᠬᠠᠮᠳᠤᠷᠠᠯᠴᠠᠭ᠎ᠠ ᠶᠢ ᠴᠢᠩᠭᠠᠤᠨᠬᠠᠵᠤ᠂ ᠤᠳᠤᠭ ᠤᠨ ᠡᠮᠤᠨᠡᠳᠤ | ᠬᠤᠰᠢᠭᠤ ᠪᠠᠨ ᠰᠤᠷᠳᠠᠯᠴᠢᠯᠠᠨ᠂ ᠨᠠᠷᠠ ᠠᠯᠳᠠᠷᠰᠢᠯ ᠢ ᠨᠢ ᠮᠠᠨᠳᠤᠭᠤᠯᠵᠤ᠂ ᠵᠢᠭᠤᠯᠴᠢᠯᠠᠯ ᠤᠨ ᠤᠬᠠᠭᠤᠯᠤᠯ ᠢ ᠰᠠᠶᠢᠳᠤᠷ ᠬᠢᠨ᠎ᠠ᠃ ᠬᠦᠳᠡᠭᠡ ᠨᠤᠳᠤᠭ ᠤᠨ ᠴᠡᠯᠮᠡᠭ | ᠠᠭᠠᠷ᠂ ᠴᠡᠯᠡᠬᠡᠷ ᠳᠠᠯ᠎ᠠ᠂ ᠴᠡᠩᠬᠡᠭ ᠠᠮᠢᠰᠬᠤᠯ ᠪᠤᠯᠤᠨ ᠦᠪᠡᠷᠮᠢᠴᠠ ᠭᠤᠴᠤ ᠰᠤᠶᠤᠯ ᠢᠷᠬᠡᠨᠰᠢᠯ ᠳᠤ ᠲᠦᠰᠢᠭᠯᠡᠨ᠂ ᠰᠡᠯᠡᠬᠦᠴᠡᠯ ᠵᠤᠭᠠᠴᠠᠯ᠂ ᠵᠢᠭᠤᠯᠴᠢᠯᠠᠯ | ᠰᠤᠨᠢᠭᠤᠴᠢᠯᠠᠯ᠂ ᠡᠷᠡᠬᠦᠯᠵᠢᠯ ᠰᠤᠪᠢᠯᠠᠯ ᠬᠢᠬᠡᠤᠨ ᠮᠠᠯ ᠳᠠᠷᠢᠶᠠᠨ ᠤᠶᠢᠯᠡ ᠶᠢᠨ ᠳᠠᠪᠳᠠᠯᠳᠠ ᠰᠤᠷᠢᠯᠳᠠ ᠶᠢ ᠬᠦᠭᠵᠢᠬᠦᠯᠵᠤ᠂ ᠮᠠᠯᠵᠢᠬᠤ ᠳᠠᠷᠢᠶᠠᠯᠠᠬᠤ ᠤᠷᠤᠨ ᠢ | ᠬᠦᠭᠵᠢᠬᠦᠯᠤᠨ᠂ ᠮᠠᠯᠴᠢᠨ ᠳᠠᠷᠢᠶᠠᠴᠢᠤᠨ ᠢ ᠴᠢᠨᠡᠬᠡᠯᠢᠭᠵᠢᠬᠦᠯᠬᠦ ᠳᠤᠯᠭᠠᠭᠤᠷᠢᠯᠠᠯ ᠰᠢᠨ᠎ᠠ ᠠᠵᠤ ᠤᠶᠢᠯᠡᠰ ᠪᠤᠯᠭᠠᠨ᠎ᠠ᠃ ᠳᠤᠰ ᠵᠢᠯ ᠳᠤ ︽ᠮᠠᠯᠴᠢᠨ ᠠᠶᠢᠯ ᠤᠨ | ᠵᠤᠭᠠᠴᠠᠯ ᠳᠠᠷᠢᠶᠠᠴᠢᠨ ᠠᠶᠢᠯ ᠤᠨ ᠪᠠᠶᠠᠰᠤᠯ︾ ᠤᠨ ᠤᠳᠤᠨ ᠳᠡᠰᠳᠤ ᠬᠦᠯᠢᠶᠡᠨ ᠵᠤᠴᠢᠯᠠᠬᠤ ᠡᠷᠤᠬᠡ ᠶᠢ 100 ᠠᠴᠠ ᠳᠡᠬᠡᠭᠰᠢ ᠬᠦᠭᠵᠢᠬᠦᠯᠵᠤ᠂ ᠬᠤᠰᠢᠭᠤ | ᠬᠡᠪᠴᠢᠶᠠᠨ ᠳᠤ 90 ᠲᠦᠮᠡᠨ ᠬᠦᠮᠤᠨ ᠤᠳᠠᠭ᠎ᠠ ᠶᠢᠨ ᠵᠢᠭᠤᠯᠴᠢᠤᠨ ᠬᠦᠯᠢᠶᠡᠵᠤ ᠵᠤᠴᠢᠯᠠᠨ᠂ ᠵᠢᠭᠤᠯᠴᠢᠯᠠᠯ ᠤᠨ ᠤᠷᠤᠯᠭ᠎ᠠ ᠶᠢ 25 ᠳ᠋ᠦᠩᠰᠢᠭᠤᠷ ᠲᠦᠬᠦᠷᠢᠭ | ᠬᠦᠷᠬᠡᠨ᠎ᠠ᠃ ᠬᠤᠶᠠᠷ ᠲᠤ᠂ ᠡᠷᠡᠬᠦᠯᠵᠢᠯ ᠰᠤᠪᠢᠯᠠᠯ ᠤᠨ ᠠᠵᠤ ᠤᠶᠢᠯᠡᠰ ᠢ ᠲᠦᠷᠬᠡᠤᠨᠬᠡᠨ ᠬᠦᠭᠵᠢᠬᠦᠯᠤᠨ᠎ᠠ᠃ ᠨᠠᠶᠢᠬᠡᠮ ᠤᠨ ᠬᠦᠴᠤᠨ ᠤ ᠡᠷᠡᠬᠦᠯᠵᠢᠯ ᠰᠤᠪᠢᠯᠠᠯ | ᠨᠠᠰᠤᠵᠢᠯ ᠵᠡᠷᠬᠡ ᠶᠢᠨ ᠤᠶᠢᠯᠡᠴᠢᠯᠡᠬᠡᠨ ᠤ ᠭᠠᠵᠠᠷ ᠪᠠᠶᠢᠭᠤᠯᠬᠤ ᠶᠢ ᠳᠠᠮᠵᠢᠨ ᠵᠤᠷᠢᠭᠵᠢᠭᠤᠯᠤᠨ᠎ᠠ᠃ ᠵᠢᠯ ᠤᠨ ᠳᠤᠳᠤᠷ᠎ᠠ ᠠᠵᠠᠳᠠᠢ ᠡᠷᠡᠬᠦᠯᠵᠢᠯ ᠰᠤᠪᠢᠯᠠᠯ ᠤᠨ | ᠬᠦᠷᠢᠶᠡᠯᠡᠩ ᠤᠨ ᠨᠢᠬᠡᠳᠤᠬᠡᠷ ᠬᠤᠭᠤᠴᠠᠭᠠᠨ ᠤ ᠢᠨᠵᠧᠨᠧᠷᠢᠩ ᠢ ᠡᠬᠢᠯᠡᠬᠦᠯᠤᠨ ᠠᠰᠢᠭᠯᠠᠯᠳᠠ ᠳᠤ ᠤᠷᠤᠭᠤᠯᠵᠤ᠂ ᠤᠶᠢᠷ᠎ᠠ ᠬᠠᠪᠢ ᠶᠢ ᠳᠠᠶᠢᠴᠢᠯᠠᠵᠤ᠂ ᠬᠡᠷᠡᠭᠯᠡᠭᠡ ᠶᠢ | ᠬᠦᠭᠵᠢᠬᠡᠭᠰᠡᠨ ᠤᠨᠴᠠᠯᠢᠭᠳᠤ ᠠᠵᠤ ᠤᠶᠢᠯᠡᠰ ᠢ ᠪᠦᠳᠤᠬᠡᠨᠠ᠃ ᠡᠷᠡᠬᠦᠯᠵᠢᠯ ᠰᠤᠪᠢᠯᠠᠯ ᠨᠠᠰᠤᠵᠢᠯ ᠤᠨ ᠠᠵᠤ ᠤᠶᠢᠯᠡᠰ ᠤᠨ ᠬᠦᠭᠵᠢᠯᠳᠠ ᠶᠢᠨ ᠳᠤᠬᠢᠶᠠᠯ ᠢ ᠡᠵᠡᠮᠳᠡᠨ | ᠂ ᠲᠦᠪᠡᠤᠨ ᠤᠨ ᠮᠠᠯᠴᠢᠤᠨ ᠤᠨ ᠰᠢᠨ᠎ᠠ ᠳᠤᠰᠬᠤᠨ ᠤ ᠬᠦᠷᠤᠩᠬᠡ ᠶᠢ ᠠᠮᠢᠳᠤᠯᠢᠭᠵᠢᠭᠤᠯᠵᠤ ᠠᠰᠢᠭᠯᠠᠨ᠎ᠠ᠃ ᠭᠤᠷᠪᠠ ᠳᠤ᠂ ᠢᠨᠲ᠋ᠧᠷ ᠰᠦᠯᠵᠢᠶ᠎ᠡ ᠶᠢᠨ ᠠᠵᠤ | ᠠᠬᠤᠢ ᠶᠢ ᠲᠦᠷᠬᠡᠤᠨᠬᠡᠨ ᠬᠦᠭᠵᠢᠬᠦᠯᠤᠨ᠎ᠠ᠃ ᠡᠯᠧᠺᠲᠷᠤᠨ ᠠᠷᠠᠯᠵᠢᠶᠠᠨ ᠤ ᠤᠶᠢᠯᠡᠰ ᠤᠨ ᠲᠦᠷᠬᠡᠨ ᠬᠦᠭᠵᠢᠯᠳᠠ ᠶᠢᠨ ᠵᠠᠬ᠎ᠠ ᠳᠡᠯᠬᠡᠬᠦᠷ ᠤᠨ ᠳᠠᠯᠳᠠ ᠬᠦᠴᠤᠨ ᠢ | ᠠᠤᠨᠬᠤᠵᠤ᠂ ︽ᠢᠨᠲ᠋ᠧᠷ ᠰᠦᠯᠵᠢᠶ᠎ᠡ+︾ ᠲᠦᠯᠤᠪᠯᠡᠭᠡ ᠶᠢ ᠬᠡᠷᠡᠭᠵᠢᠬᠦᠯᠵᠤ᠂ ᠮᠠᠯ ᠳᠠᠷᠢᠶᠠᠯᠠᠩ ᠤᠨ ᠪᠦᠳᠤᠬᠡᠭᠳᠡᠬᠦᠨ᠂ ᠤᠨᠴᠠᠯᠢᠭᠳᠤ ᠢᠳᠡᠬᠡᠨ ᠤᠮᠳᠠᠭᠠᠨ ᠢ | ᠰᠦᠯᠵᠢᠶᠡᠨ ᠳᠡᠬᠡᠷ᠎ᠠ ᠪᠤᠷᠤᠯᠠᠭᠤᠯᠵᠤ᠂ ᠢᠨᠲ᠋ᠧᠷ ᠰᠦᠯᠵᠢᠶ᠎ᠠ ᠪᠠ ᠠᠵᠤ ᠠᠬᠤᠢ ᠶᠢᠨ ᠠᠭᠤᠰᠤᠯᠴᠠᠯ ᠤᠨ ᠬᠦᠨᠴᠠ ᠪᠠ ᠦᠷᠬᠡᠴᠠ ᠶᠢ ᠦᠷᠬᠡᠤᠨᠬᠡᠨᠠ᠃ ᠱᠦᠬᠦᠮᠠᠯ | ᠳᠤᠰᠤ᠂ ᠬᠠᠭᠤᠷᠤᠭᠰᠡᠨ ᠠᠮᠤ᠂ ᠬᠠᠳᠠᠭᠠᠭᠰᠡᠨ ᠮᠢᠬ᠎ᠠ ᠵᠡᠷᠬᠡ ᠤᠨᠴᠠᠯᠢᠭᠳᠤ ᠢᠳᠡᠬᠡᠨ ᠳᠤ ︽ᠭᠠᠳᠠᠭᠰᠢ ᠭᠠᠷᠭᠠᠬᠤ︾ ᠪᠠᠶᠢᠯᠳᠤᠬᠤ ᠪᠤᠳᠤᠯᠭ᠎ᠠ ᠬᠡᠷᠡᠭᠵᠢᠬᠦᠯᠵᠤ᠂ | ᠨᠢᠬᠡ ᠪᠦᠯᠦᠭ ᠳᠤᠰ ᠭᠠᠵᠠᠷ ᠤᠨ ᠳᠤᠮᠳᠠ ᠵᠢᠵᠢᠭ ᠠᠵᠤ ᠠᠬᠤᠶᠢᠯᠡᠯ ᠢ ᠬᠦᠮᠤᠵᠢᠬᠦᠯᠵᠤ᠂ ᠭᠠᠵᠠᠷ ᠤᠷᠤᠨ ᠤ ᠨᠡᠷᠡᠳᠤ ᠳᠡᠮᠳᠡᠭ ᠢ ᠪᠤᠢ ᠪᠤᠯᠭᠠᠨ᠂ ᠠᠷᠠᠤᠨ ᠲᠦᠮᠡᠨ | ᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠤᠨ ᠪᠠᠶᠠᠵᠢᠭᠤᠯᠤᠨ᠎ᠠ᠃ ᠲᠦᠷᠪᠠ ᠳᠤ᠂ ᠤᠶᠢᠯᠡᠤᠨᠪᠤᠷᠢᠯᠡᠯ ᠤᠨ ᠴᠢᠨᠠᠷᠳᠤ ᠤᠶᠢᠯᠡᠴᠢᠯᠡᠬᠡᠨ ᠤ ᠤᠶᠢᠯᠡᠰ ᠢ | ᠲᠦᠷᠬᠡᠤᠨᠬᠡᠨ᠎ᠠ᠃ ᠤᠯᠵᠠᠴᠢ ᠶᠢᠨ ᠶᠡᠷᠤᠩᠬᠡᠶᠢᠯᠡᠭᠰᠡᠨ ᠪᠤᠳᠠᠰ ᠤᠨ ᠬᠦᠢᠯᠬᠡᠬᠡᠨ ᠤ ᠬᠦᠷᠢᠶᠡᠯᠡᠩ᠂ ᠱᠠᠩᠬᠠᠢ ᠶᠢᠨ ᠰᠦᠮ᠎ᠠ ᠶᠢᠨ ᠨᠡᠬᠦᠷᠡᠰᠤᠨ ᠬᠦᠢᠯᠬᠡᠬᠡᠨ ᠤ | ᠬᠦᠷᠢᠶᠡᠯᠡᠩ ᠢ ᠡᠬᠢᠯᠡᠨ ᠪᠡᠶᠢᠭᠤᠯᠵᠤ᠂ ᠭᠠᠵᠠᠷ ᠤᠷᠤᠨ ᠤ ᠴᠢᠨᠠᠷᠳᠤ ᠪᠤᠳᠠᠰ ᠤᠨ ᠬᠦᠢᠯᠬᠡᠬᠡᠨ ᠤ ᠲᠦᠪᠯᠡᠷᠡᠬᠦᠯᠬᠦ ᠳᠠᠷᠬᠠᠭᠠᠬᠤ ᠭᠠᠵᠠᠷ ᠢ ᠪᠠᠶᠢᠭᠤᠯᠤᠨ᠎ᠠ᠃ ᠮᠦᠩᠬᠦᠨ | ᠬᠦᠢᠯᠬᠡᠬᠡᠨ ᠤ ᠪᠠᠶᠢᠭᠤᠯᠤᠮᠵᠢ ᠶᠢᠨ ᠠᠵᠢᠯ ᠤᠶᠢᠯᠡᠰ ᠢᠶᠠᠨ ᠦᠷᠬᠡᠤᠨᠬᠡᠬᠦ ᠶᠢ ᠢᠳᠡᠪᠬᠢᠳᠠᠢ ᠵᠤᠷᠢᠭᠵᠢᠭᠤᠯᠵᠤ᠂ ᠮᠠᠯ ᠳᠠᠷᠢᠶᠠᠯᠠᠩ ᠳᠤ ᠬᠤᠯᠪᠤᠭᠳᠠᠬᠤ ᠵᠢᠬᠡᠯᠡᠯᠬᠡ᠂ | ᠳᠤᠮᠳᠠ ᠵᠢᠵᠢᠭ ᠵᠢᠬᠡᠯᠡᠯᠬᠡ ᠶᠢ 30 ᠳ᠋ᠦᠩᠰᠢᠭᠤᠷ ᠲᠦᠬᠦᠷᠢᠭ ᠠᠴᠠ ᠳᠡᠬᠡᠭᠰᠢ ᠳᠠᠯᠪᠢᠵᠤ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠬᠦᠯᠤᠨ᠎ᠠ᠃ | ︵ᠳᠠᠪᠤ︶ ᠭᠠᠵᠠᠷ ᠤᠷᠤᠨ ᠤ ᠬᠦᠭᠵᠢᠯᠳᠠ ᠶᠢᠨ ᠤᠷᠴᠢᠨ ᠢ ᠬᠦᠴᠤᠯᠡᠨ ᠰᠢᠯᠢᠳᠡᠭᠵᠢᠬᠦᠯᠤᠨ᠎ᠠ᠃ ᠨᠢᠬᠡ ᠳᠤ᠂ ᠬᠡᠪ ᠴᠢᠨᠰᠠᠭᠠᠳᠤ ᠬᠤᠳᠠ ᠪᠠᠯᠭᠠᠰᠤᠨ ᠤ | ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠤᠨ᠎ᠠ᠃ ︽ᠪᠦᠬᠦ ᠤᠯᠤᠰ ᠤᠨ ᠰᠢᠶᠠᠨ ᠤ ᠳᠡᠰ ᠤᠨ ᠪᠤᠯᠪᠠᠰᠤᠨ ᠬᠤᠳᠠ︾ ᠶᠢᠨ ᠪᠠᠶᠢᠭᠤᠯᠤᠯᠳᠠ ᠶᠢ ᠬᠤᠳᠠ ᠪᠠᠯᠭᠠᠰᠤᠨ | ᠤ ᠪᠠᠶᠢᠭᠤᠯᠤᠯᠳᠠ ᠶᠢᠨ ᠪᠦᠬᠦ ᠭᠤᠭᠴᠤᠭᠠᠨ ᠳᠤ ᠳᠤᠤᠱᠯᠠᠭᠤᠯᠵᠤ᠂ ᠶᠡᠷᠤᠩᠬᠡᠢ ᠬᠡᠮᠵᠢᠶ᠎ᠡ ᠶᠢ ᠳᠤᠭᠳᠠᠭᠠᠨ᠂ ᠬᠦᠷᠤᠩᠬᠡ ᠶᠢ ᠠᠮᠢᠳᠤᠯᠢᠭᠵᠢᠭᠤᠯᠵᠤ᠂ ᠳᠤᠳᠠᠭᠳᠠᠯ | ᠢᠶᠠᠨ ᠨᠦᠬᠦᠪᠤᠷᠢᠯᠡᠨ᠂ ᠬᠤᠳᠠ ᠪᠠᠯᠭᠠᠰᠤᠵᠢᠯᠳᠠ ᠶᠢᠨ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠤᠨ᠎ᠠ᠃ ᠤᠯᠵᠠᠴᠢ ᠪᠠᠯᠭᠠᠰᠤ ᠶᠡᠭᠡ ᠵᠠᠮ ᠤᠨ ᠠᠮᠠ ᠪᠤᠯᠤᠨ | ᠬᠠᠭᠤᠴᠢᠨ ᠰᠠᠭᠤᠭᠠᠯᠢ ᠳᠤᠭᠤᠷᠢᠭ ᠤᠨ ᠦᠬᠡᠷᠡᠴᠢᠯᠡᠯᠳᠠ ᠶᠢ ᠭᠤᠤᠯᠳᠠᠯᠭᠠᠳᠠᠢ ᠠᠤᠨᠬᠤᠵᠤ᠂ ᠳᠡᠬᠦᠷᠬᠡ ᠤᠷᠤᠨ ᠤ ᠰᠠᠭᠤᠭᠠᠯᠢ ᠳᠤᠭᠤᠷᠢᠭ ᠤᠨ ᠪᠤᠬᠢᠷ ᠤᠰᠤ | ᠪᠤᠯᠤᠨ ᠪᠠᠯᠭᠠᠰᠤᠨ ᠳᠤᠭᠤᠷᠢᠭ ᠤᠨ ᠬᠤᠭ ᠨᠤᠪᠰᠢ ᠶᠢ ᠬᠦᠨᠤᠬᠡᠯ ᠦᠬᠡᠢ ᠰᠢᠢᠤᠨᠪᠤᠷᠢᠯᠡᠬᠦ ᠲᠦᠬᠦᠬᠡᠷᠤᠮᠵᠢ ᠶᠢ ᠬᠦᠴᠤᠯᠡᠨ ᠰᠠᠶᠢᠵᠢᠷᠠᠭᠤᠯᠵᠤ᠂ ᠨᠢᠬᠡ ᠪᠦᠯᠦᠭᠠᠵᠤ | ᠠᠬᠤᠶᠢᠯᠡᠯ ᠤᠨ ᠠᠮᠢᠳᠤᠷᠠᠯ ᠤᠨ ᠰᠠᠭᠤᠷᠢᠨ ᠢ ᠪᠠᠶᠢᠭᠤᠯᠤᠨ᠂ ᠬᠤᠰᠢᠭᠤᠨ ᠲᠦᠪ ᠢᠶᠠᠨ ᠳᠤᠬᠢᠯᠢᠭ ᠰᠠᠶᠢᠬᠠᠨ ᠠᠮᠢᠵᠢᠷᠠᠯ ᠪᠢᠯᠬᠠᠭᠰᠡᠨ ᠪᠠᠯᠭᠠᠰᠤ ᠪᠤᠯᠭᠠᠨ᠎ᠠ᠃ | ᠱᠠᠩᠬᠠᠢ ᠶᠢᠨ ᠰᠦᠮ᠎ᠠ ᠪᠠᠯᠭᠠᠰᠤ ᠰᠠᠨᠠᠭᠠᠴᠢᠯᠠᠭ᠎ᠠ ᠲᠠᠢ ᠪᠠᠷ ᠢᠷᠭᠠᠢ ᠲᠠᠢ ᠠᠭᠤᠰᠤᠯᠴᠠᠨ᠂ ᠬᠦᠩᠬᠡᠨ ᠳᠡᠮᠤᠷ ᠵᠠᠮ ᠤᠨ ᠦᠷᠳᠡᠭᠡ ᠪᠠᠶᠢᠭᠤᠯᠬᠤ ᠪᠠᠷ ᠬᠦᠴᠤᠯᠡᠵᠤ᠂ | ᠢᠷᠭᠠᠢ᠂ ᠨᠢᠩ ᠳ᠋ᠦᠩ᠂ ᠪᠢᠨ ᠾᠧ ᠰᠢᠨ᠎ᠠ ᠳᠤᠭᠤᠷᠢᠭ᠂ ᠱᠠᠩᠬᠠᠢ ᠶᠢᠨ ᠰᠦᠮ᠎ᠠ ᠶᠢᠨ ᠬᠤᠳᠠ ᠶᠢᠨ ᠬᠤᠭᠤᠷᠤᠨᠳᠤᠬᠢ ᠵᠠᠮ ᠱᠤᠭᠤᠮ ᠢ ᠨᠡᠪᠳᠡᠷᠡᠬᠦᠯᠤᠨ᠎ᠠ᠃ | ᠠᠮᠢᠳᠤᠷᠠᠯ ᠤᠶᠢᠯᠡᠤᠨᠪᠤᠷᠢᠯᠡᠯ ᠤᠨ ᠴᠢᠨᠠᠷᠳᠠᠢ ᠤᠶᠢᠯᠡᠴᠢᠯᠡᠬᠡᠨ ᠤ ᠤᠶᠢᠯᠡᠰ ᠢ ᠬᠦᠭᠵᠢᠬᠦᠯᠵᠤ᠂ ᠠᠵᠤ ᠤᠶᠢᠯᠡᠰ ᠤᠨ ᠠᠵᠢᠯᠳᠠᠨ ᠪᠤᠯᠤᠨ ᠰᠢᠯᠵᠢᠭᠰᠡᠨ ᠮᠠᠯᠴᠢᠨ | ᠳᠠᠷᠢᠶᠠᠴᠢᠨ ᠳᠤ ᠭᠤᠤᠯᠳᠠᠯᠭ᠎ᠠ ᠲᠠᠢ ᠤᠶᠢᠯᠡᠴᠢᠯᠡᠨ᠂ ᠠᠮᠢᠳᠤᠷᠠᠯ ᠤᠶᠢᠯᠡᠤᠨᠪᠤᠷᠢᠯᠡᠯ ᠤᠨ ᠤᠶᠢᠯᠡᠴᠢᠯᠡᠬᠡᠨ ᠤ ᠤᠶᠢᠯᠡᠳᠤᠯ ᠢ ᠬᠦᠭᠵᠢᠬᠦᠯᠤᠨ᠂ ᠬᠤᠳᠠ ᠪᠠᠯᠭᠠᠰᠤᠨ ᠤ | ᠨᠡᠷ᠎ᠠ ᠠᠯᠳᠠᠷᠰᠢᠯ ᠢ ᠮᠠᠨᠳᠤᠭᠤᠯᠤᠨ᠂ ᠠᠵᠢᠯ ᠤᠯᠤᠯᠳᠠ ᠪᠠ ᠤᠶᠢᠯᠡᠴᠢᠯᠡᠬᠡᠨ ᠤ ᠤᠶᠢᠯᠡᠰ ᠤᠨ ᠴᠢᠳᠠᠮᠵᠢ ᠶᠢ ᠳᠡᠬᠡᠭᠰᠢᠯᠡᠬᠦᠯᠤᠨ᠎ᠠ᠃ ᠪᠤᠷᠤᠪᠠᠯᠭᠠᠰᠤ᠂ ᠨᠠᠩᠰᠤ | ᠪᠠᠯᠭᠠᠰᠤ ᠴᠤᠭᠯᠠᠭ᠎ᠠ ᠪᠠᠯᠭᠠᠰᠤᠨ ᠤ ᠴᠢᠳᠠᠮᠵᠢ ᠶᠢ ᠳᠡᠬᠦᠯᠳᠡᠷᠵᠢᠬᠦᠯᠤᠨ᠂ ᠵᠠᠬ᠎ᠠ ᠳᠡᠯᠬᠡᠬᠦᠷ ᠤᠨ ᠤᠶᠢᠯᠡᠴᠢᠯᠡᠭᠡ ᠪᠠᠨ ᠳᠡᠬᠦᠯᠳᠡᠷᠵᠢᠬᠦᠯᠵᠤ᠂ ᠬᠤᠳᠠ ᠪᠠᠯᠭᠠᠰᠤᠨ ᠤ | ᠨᠠᠶᠢᠳᠠ ᠶᠢᠨ ᠤᠶᠢᠯᠡᠴᠢᠯᠡᠭᠡ ᠶᠢ ᠬᠦᠳᠡᠭᠡ ᠵᠦᠭ ᠦᠷᠬᠡᠤᠨᠬᠡᠨ᠂ ᠮᠠᠯ ᠳᠠᠷᠢᠶᠠᠯᠠᠩ ᠤᠨ ᠤᠶᠢᠯᠡᠰ ᠲᠤ ᠤᠶᠢᠯᠡᠴᠢᠯᠡᠬᠦ ᠤᠶᠢᠯᠡᠳᠤᠯ ᠢᠶᠠᠨ ᠰᠠᠶᠢᠳᠤᠷ ᠪᠠᠳᠠᠷᠠᠭᠤᠯᠤᠨ᠎ᠠ᠃ | ᠬᠤᠳᠠ ᠪᠠᠯᠭᠠᠰᠤᠨ ᠤ ᠨᠠᠷᠢᠯᠢᠭ ᠤᠶᠢᠯᠡᠴᠢᠯᠡᠭᠡ ᠶᠢᠨ ᠲᠦᠷᠢᠮ ᠢ ᠨᠠᠶᠢᠳᠠᠪᠤᠷᠢᠵᠢᠭᠤᠯᠵᠤ ᠴᠢᠳᠠᠮᠵᠢ ᠶᠢ ᠨᠢ ᠳᠡᠬᠡᠭᠰᠢᠯᠡᠬᠦᠯᠤᠨ᠂ ᠬᠤᠳᠠ ᠪᠠᠯᠭᠠᠰᠤᠨ ᠤ ᠨᠠᠶᠢᠬᠡᠮ | ᠳᠤᠭᠤᠷᠢᠭ᠂ ᠰᠠᠭᠤᠭᠠᠯᠢ ᠳᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢᠨ ᠡᠰᠡ ᠬᠦᠷᠤᠯᠴᠠᠬᠦ ᠭᠠᠵᠠᠷ ᠪᠠ ᠠᠷᠠᠤᠨ ᠲᠤ ᠲᠦᠬᠦᠮ ᠦᠵᠡᠬᠦᠯᠬᠦ | ᠤᠶᠢᠯᠡᠴᠢᠯᠡᠭᠡ ᠶᠢᠨ ᠬᠤᠴᠤᠷᠤᠩᠭᠤᠢ ᠪᠠᠶᠢᠭ᠎ᠠ ᠵᠡᠷᠬᠡ ᠠᠰᠠᠭᠤᠳᠠᠯ ᠢ ᠦᠨᠡᠨᠬᠦ ᠰᠢᠢᠤᠨᠪᠤᠷᠢᠯᠡᠨᠠ᠃ ᠬᠤᠳᠠ ᠶᠢᠨ ᠬᠠᠮᠢᠶᠠᠷᠤᠯᠳᠠ᠂ ᠤᠷᠴᠢᠨ ᠳᠤᠭᠤᠷᠢᠨ ᠤ ᠠᠷᠢᠭᠤᠨ | ᠴᠡᠪᠡᠷ᠂ ᠴᠡᠴᠡᠷᠯᠢᠭᠵᠢᠬᠦᠯᠬᠡ ᠶᠢᠨ ᠬᠠᠮᠢᠶᠠᠷᠤᠯᠳᠠ ᠶᠢ ᠴᠢᠩᠭᠠᠤᠨᠬᠠᠨ᠂ ᠤᠶᠢᠯᠡᠴᠢᠯᠡᠬᠡᠨ ᠤ ᠴᠢᠳᠠᠮᠵᠢ ᠪᠠᠨ ᠦᠷᠬᠡᠤᠨᠬᠡᠵᠤ᠂ ᠬᠤᠳᠠ ᠶᠢᠨ ᠤᠷᠴᠢᠨ ᠳᠤᠭᠤᠷᠢᠨ | ᠠᠷᠢᠭᠤᠨ ᠴᠡᠪᠡᠷ ᠤᠨ ᠶᠡᠷᠤᠩᠬᠡᠶᠢᠯᠡᠭᠰᠡᠨ ᠴᠡᠭᠴᠡᠯᠡᠯᠳᠠ ᠶᠢ ᠲᠦᠪᠯᠡᠷᠡᠩᠬᠦᠢ ᠦᠷᠨᠢᠬᠦᠯᠤᠨ᠂ ᠠᠵᠢᠯᠯᠠᠮᠵᠢ ᠦᠨᠳᠤᠷ ᠤᠶᠢᠯᠡᠴᠢᠯᠡᠭᠡ ᠪᠦᠷᠢᠨ ᠬᠢᠨᠠᠯᠳᠠ ᠬᠠᠮᠢᠶᠠᠷᠤᠯᠳᠠ | ᠡᠷᠴᠢᠮ ᠲᠠᠢ ᠤᠳᠤ ᠦᠶ᠎ᠡ ᠶᠢᠨ ᠬᠤᠳᠠ ᠪᠠᠯᠭᠠᠰᠤᠨ ᠤ ᠬᠠᠮᠢᠶᠠᠷᠤᠯᠳᠠ ᠶᠢᠨ ᠵᠠᠭᠪᠤᠷ ᠢ ᠪᠠᠶᠢᠭᠤᠯᠤᠨ᠎ᠠ᠃ ᠡᠷᠤᠬᠡ ᠠᠮᠠ ᠶᠢᠨ ᠲᠦᠷᠢᠮ ᠤᠨ ᠦᠬᠡᠷᠡᠴᠢᠯᠡᠯᠳᠠ ᠶᠢ | ᠬᠦᠨᠵᠡᠬᠡᠶᠢᠷᠡᠬᠦᠯᠵᠤ᠂ ᠬᠦᠯᠤᠰᠤᠨ ᠠᠵᠢᠯᠳᠠᠤᠨ ᠪᠠ ᠰᠢᠯᠵᠢᠭᠰᠡᠨ ᠮᠠᠯᠴᠢᠨ ᠳᠠᠷᠢᠶᠠᠴᠢᠤᠨ ᠤᠨ ᠬᠤᠳᠠ ᠤᠷᠤᠬᠤ ᠵᠦᠪᠰᠢᠶᠡᠷᠡᠯ ᠤᠨ ᠬᠠᠮᠢᠶᠠᠷᠤᠯᠳᠠ ᠦᠬᠡᠷᠡᠴᠢᠯᠡᠯᠳᠠ | ᠶᠢ ᠲᠦᠷᠬᠡᠤᠨᠬᠡᠨ ᠵᠤᠬᠢᠰᠳᠠᠢ ᠱᠠᠭᠠᠷᠳᠠᠯᠭ᠎ᠠ ᠶᠢ ᠬᠦᠭᠵᠢᠬᠡᠨ᠂ ᠪᠦᠳᠤᠮᠵᠢᠳᠤ ᠬᠠᠩᠭᠠᠯᠭ᠎ᠠ ᠶᠢ ᠠᠮᠢᠳᠤᠯᠢᠭᠵᠢᠭᠤᠯᠤᠨ᠎ᠠ᠃ ᠬᠤᠶᠠᠷ ᠲᠤ᠂ ᠴᠢᠬᠤᠯᠠ ᠰᠠᠭᠤᠷᠢ | ᠲᠦᠬᠦᠬᠡᠷᠤᠮᠵᠢ ᠶᠢᠨ ᠳᠤᠳᠠᠭᠳᠠᠯ ᠢ ᠨᠦᠬᠦᠪᠤᠷᠢᠯᠡᠨ᠎ᠠ᠃ ᠵᠠᠮ ᠨᠡᠪᠳᠡᠷᠡᠯᠬᠡ ᠶᠢᠨ ᠳᠠᠯ᠎ᠠ ᠪᠠᠷ᠂ ᠤᠯᠵᠠᠴᠢ ᠠᠴᠠ ᠳ᠋ᠦᠩ ᠳ᠋ᠤᠤ ᠯᠢᠶᠠᠩ ᠬᠦᠷᠬᠦ ᠲᠦᠷᠬᠡᠨ ᠵᠠᠮ ᠢ | ᠡᠬᠢᠯᠡᠬᠦᠯᠤᠨ᠂ ᠤᠯᠵᠠᠴᠢ ᠠᠴᠠ ᠳᠤᠯᠢ ᠬᠦᠷᠬᠦ ᠨᠢᠬᠡᠳᠤᠬᠡᠷ ᠵᠡᠷᠬᠡ ᠶᠢᠨ ᠵᠠᠰᠠᠮᠠᠯ ᠵᠠᠮ ᠪᠤᠯᠤᠨ S216 ᠱᠤᠭᠤᠮ ᠤᠨ ᠤᠯᠵᠠᠴᠢ ᠠᠴᠠ ᠱᠠᠨᠰᠢ ᠶᠢᠨ ᠵᠠᠩᠭᠤᠳᠤ | ᠬᠦᠷᠬᠦ ᠬᠤᠶᠠᠳᠤᠭᠠᠷ ᠵᠡᠷᠬᠡ ᠶᠢᠨ ᠵᠠᠰᠠᠮᠠᠯ ᠵᠠᠮ ᠤᠨ ᠢᠨᠵᠧᠨᠧᠷᠢᠩ ᠢ ᠲᠦᠰᠤᠪᠯᠡᠵᠤ᠂ ᠲᠦᠷᠪᠡᠨ ᠵᠦᠭ ᠢ ᠬᠤᠯᠪᠤᠭᠰᠡᠨ ᠵᠠᠮ ᠬᠠᠷᠢᠯᠴᠠᠭᠠᠨ ᠤ ᠳᠤᠤᠷᠵᠢᠯ ᠢ ᠳᠠᠷᠤᠢ | ᠲᠦᠷᠬᠡᠨ ᠪᠦᠷᠢᠯᠳᠤᠬᠦᠯᠤᠨ᠎ᠠ᠃ ᠳᠤᠯᠢ ᠠᠴᠠ ᠱᠠᠩᠬᠠᠢ ᠶᠢᠨ ᠰᠦᠮ᠎ᠠ ᠬᠦᠷᠬᠦ ᠳᠡᠮᠤᠷ ᠵᠠᠮ ᠤᠨ ᠳᠤᠯᠢ ᠠᠴᠠ ᠤᠯᠵᠠᠴᠢ ᠬᠦᠷᠬᠦ ᠬᠡᠰᠡᠭ ᠢ ᠳᠤᠰ ᠵᠢᠯ ᠤᠨ ᠡᠴᠤᠰ | ᠢᠶᠠᠷ ᠳᠡᠷᠬᠡ ᠨᠡᠪᠳᠡᠷᠡᠬᠦᠯᠤᠨ᠎ᠠ᠃ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠬᠦᠯᠵᠤ᠂ ᠵᠢᠯ ᠤᠨ ᠡᠴᠤᠰ ᠲᠤ ᠠᠶᠠᠯᠠᠯ ᠨᠡᠪᠳᠡᠷᠡᠬᠦ ᠨᠦᠬᠦᠴᠡᠯ | ᠲᠠᠢ ᠪᠤᠯᠭᠠᠨ᠎ᠠ᠃ ᠠᠮᠢ ᠠᠬᠤᠢ ᠶᠢᠨ ᠪᠠᠶᠢᠭᠤᠯᠤᠯᠳᠠ ᠶᠢᠨ ᠳᠠᠯ᠎ᠠ ᠪᠠᠷ᠂ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠤᠷᠢ ᠵᠤᠷᠢᠭᠵᠢᠭᠤᠯᠤᠯ ᠤᠨ ᠲᠦᠷᠤ ᠶᠢᠨ | ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠡᠯᠴᠢᠬᠡᠷᠯᠡᠬᠦᠯᠬᠦ ᠶᠢ ᠬᠤᠷᠢᠭᠯᠠᠬᠤ᠂ ᠰᠡᠯᠬᠦᠨ ᠮᠠᠯᠵᠢᠬᠤ᠂ ᠡᠪᠡᠰᠤ ᠪᠡᠯᠴᠢᠬᠡᠷ ᠤᠨ ᠪᠠᠭᠳᠠᠭᠠᠮᠵᠢ ᠪᠠᠷ ᠮᠠᠯ ᠤᠨ | ᠳᠤᠭ᠎ᠠ ᠳᠤᠯᠤᠭᠠᠢ ᠳᠤᠭᠳᠠᠭᠠᠬᠤ ᠪᠠ ︽3S︾ ᠨᠤᠳᠤᠭ ᠪᠡᠯᠴᠢᠬᠡᠷ ᠤᠨ ᠬᠠᠮᠢᠶᠠᠷᠤᠯᠳᠠ ᠶᠢᠨ ᠠᠷᠭ᠎ᠠ ᠠᠪᠴᠠᠯ ᠢ ᠴᠢᠩᠭ᠎ᠠ ᠬᠡᠷᠡᠭᠵᠢᠬᠦᠯᠵᠤ᠂ ᠬᠠᠤᠯᠢ ᠪᠤᠰᠤ ᠪᠠᠷ | ᠠᠳᠠᠷ ᠬᠠᠭᠠᠯᠪᠤᠷᠢᠯᠠᠨ ᠤᠰᠤᠯᠠᠯᠳᠠ ᠬᠢᠬᠦ ᠶᠢ ᠡᠷᠡᠰ ᠴᠠᠭᠠᠵᠠᠯᠠᠵᠤ᠂ ᠠᠮᠢ ᠠᠬᠤᠢ ᠶᠢᠨ ᠲᠦᠭᠰᠢᠬᠦᠷᠢᠳᠤ ᠬᠢᠵᠠᠭᠠᠷ ᠢ ᠪᠠᠳᠤ ᠪᠠᠷᠢᠮᠳᠠᠯᠠᠨ᠎ᠠ᠃ ᠤᠰᠤᠨ ᠡᠷᠭᠡ ᠶᠢᠨ | ᠳᠤᠳᠤᠷᠬᠠᠶᠢᠯᠠᠯ ᠤᠨ ᠦᠬᠡᠷᠡᠴᠢᠯᠡᠯᠳᠠ ᠶᠢ ᠲᠦᠷᠬᠡᠤᠨᠬᠡᠨ᠂ ᠤᠰᠤ ᠬᠡᠷᠡᠭᠯᠡᠬᠦ ᠶᠡᠷᠤᠩᠬᠡᠢ ᠬᠡᠮᠵᠢᠶ᠎ᠠ ᠪᠤᠯᠤᠨ ᠳᠤᠭ᠎ᠠ ᠬᠢᠵᠠᠭᠠᠷᠯᠠᠯ ᠢ ᠰᠢᠨᠵᠢᠯᠡᠬᠦ ᠤᠬᠠᠭᠠᠨᠴᠢ ᠪᠠᠷ | ᠳᠤᠭᠳᠠᠭᠠᠵᠤ᠂ ᠤᠰᠤᠨ ᠤ ᠨᠦᠬᠦᠴᠡᠯ ᠢ ᠦᠨᠳᠤᠰᠤᠯᠡᠨ ᠨᠡᠬᠡᠬᠡᠯᠳᠠ ᠬᠢᠬᠦ ᠶᠢ ᠪᠠᠷᠢᠮᠳᠠᠯᠠᠨ᠎ᠠ᠃ ᠪᠡᠬᠡᠵᠢᠩ ᠲᠢᠶᠠᠨᠵᠢᠨ ᠤ ᠰᠠᠯᠬᠢ ᠰᠢᠷᠤᠢ ᠶᠢᠨ ᠡᠬᠢ ᠶᠢᠨ ᠵᠠᠰᠠᠯᠳᠠ | ᠶᠢᠨ ᠬᠤᠶᠠᠳᠤᠭᠠᠷ ᠬᠤᠭᠤᠴᠠᠭᠠᠨ ᠤ ᠠᠵᠢᠯ ᠪᠠ ᠬᠦᠷᠤᠰᠤ ᠰᠢᠷᠤᠢ ᠶᠢᠨ ᠢᠳᠡᠭᠳᠡᠯ ᠢ ᠬᠠᠮᠠᠭᠠᠯᠠᠬᠤ ᠵᠡᠷᠬᠡ ᠭᠤᠤᠯᠳᠠᠯᠭᠠᠳᠤ ᠠᠮᠢ ᠠᠬᠤᠢ ᠶᠢᠨ ᠪᠠᠶᠢᠭᠤᠯᠤᠯᠳᠠ ᠶᠢᠨ | ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠠᠯᠪᠠᠨ ᠵᠢᠷᠤᠮ ᠤᠨ ᠤᠶᠢᠵᠢᠭᠤᠯᠤᠯᠳᠠ᠂ ᠭᠠᠴᠠᠭ᠎ᠠ ᠳᠤᠰᠬᠤᠨ ᠤ ᠴᠡᠴᠡᠷᠯᠢᠭᠵᠢᠬᠦᠯᠬᠡ᠂ ︽ᠠᠶᠢᠯ ᠪᠤᠯᠭᠠᠨ | ᠵᠠᠭᠤᠨ ᠮᠤᠳᠤ ᠳᠠᠷᠢᠬᠤ︾ ᠢᠨᠵᠧᠨᠧᠷᠢᠩ ᠢ ᠦᠷᠨᠢᠬᠦᠯᠤᠨ᠂ ᠳᠤᠰ ᠵᠢᠯ 8 ᠲᠦᠮᠡᠨ ᠮᠤ᠋ ᠤᠶᠢᠵᠢᠭᠤᠯᠤᠯᠳᠠ ᠬᠢᠵᠤ᠂ ᠬᠦᠷᠤᠰᠤ ᠰᠢᠷᠤᠢ ᠶᠢᠨ ᠢᠳᠡᠭᠳᠡᠯ ᠢ 5.25 | ᠲᠦᠮᠡᠨ ᠮᠤ᠋ ᠵᠠᠰᠠᠨ᠎ᠠ᠃ | ︵ᠵᠢᠷᠭᠤᠭ᠎ᠠ︶ ᠨᠠᠶᠢᠬᠡᠮ ᠤᠨ ᠡᠶ᠎ᠡ ᠳᠤᠭᠳᠠᠭᠤᠨ ᠢ ᠦᠨᠡᠨᠬᠦ ᠠᠬᠢᠭᠤᠯᠤᠨ᠎ᠠ᠃ ᠨᠢᠬᠡ ᠳᠤ᠂ ᠠᠶᠤᠯᠬᠦᠢ ᠤᠶᠢᠯᠡᠤᠨᠪᠤᠷᠢᠯᠡᠯ ᠤᠨ ᠬᠢᠨᠠᠯᠳᠠ ᠬᠠᠮᠢᠶᠠᠷᠣᠯᠳᠠ ᠶᠢ | ᠴᠢᠩᠭᠠᠠᠤᠨᠬᠠᠨᠠ᠃ ᠨᠠᠮ ᠵᠠᠰᠠᠭ ᠬᠠᠮᠳᠤ ᠬᠠᠷᠢᠭᠤᠴᠠᠬᠤ᠂ ᠨᠢᠬᠡ ᠪᠠᠶᠢᠷᠢ ᠬᠤᠤᠰ ᠬᠠᠷᠢᠭᠤᠴᠠᠯᠭ᠎ᠠ ᠪᠠ ᠬᠠᠷᠢᠭᠤᠴᠠᠯᠭ᠎ᠠ ᠠᠯᠳᠠᠪᠠᠯ ᠡᠷᠬᠡᠪᠰᠢ ᠨᠡᠬᠡᠮᠵᠢᠯᠡᠬᠦ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠳᠤ ᠬᠢᠮᠢ ᠶᠢᠨ ᠪᠤᠳᠠᠰ ᠤᠨ ᠠᠵᠤ ᠠᠬᠤᠶᠢᠯᠡᠯ ᠤᠨ ︽ᠭᠤᠷᠪᠠ ᠲᠠᠢ ᠪᠤᠯᠭᠠᠬᠤ︾ ᠱᠠᠭᠠᠷᠳᠠᠯᠭ᠎ᠠ ᠶᠢ ᠡᠷᠡᠰ ᠬᠡᠷᠡᠭᠵᠢᠬᠦᠯᠵᠤ᠂ | ᠳᠤᠰᠬᠠᠢ ᠮᠡᠷᠬᠡᠵᠢᠯᠳᠠᠤᠨ ᠤᠨ ᠬᠠᠮᠳᠤᠷᠠᠨ ᠰᠤᠳᠤᠯᠬᠤ ᠲᠦᠷᠢᠮ ᠢ ᠴᠢᠩᠭ᠎ᠠ ᠪᠠᠷᠢᠮᠳᠠᠯᠠᠨ᠂ ᠠᠶᠤᠯᠬᠦᠢ ᠤᠶᠢᠯᠡᠤᠨᠪᠤᠷᠢᠯᠡᠯ ᠤᠨ ᠬᠦᠨᠳᠤ ᠨᠤᠴᠢᠳᠠᠢ ᠠᠳᠡᠭᠳᠡᠯ ᠭᠠᠷᠬᠤ | ᠶᠢ ᠰᠠᠶᠢᠳᠤᠷ ᠰᠡᠷᠬᠡᠶᠢᠯᠡᠨ᠎ᠠ᠃ ᠢᠳᠡᠬᠡᠨ ᠤ ᠠᠶᠤᠯᠬᠦᠢ ᠶᠢᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠴᠢᠩᠭᠠᠤᠨᠬᠠᠨ᠂ ᠤᠯᠵᠠᠴᠢ ᠪᠠᠯᠭᠠᠰᠤᠨ ᠤ ᠢᠳᠡᠬᠡᠨ | ᠪᠤᠯᠪᠠᠰᠤᠷᠠᠭᠤᠯᠬᠤ ᠬᠦᠷᠢᠶᠡᠯᠡᠩ ᠢ ᠡᠬᠢᠯᠡᠬᠦᠯᠤᠨ᠂ ᠪᠦᠳᠤᠬᠡᠭᠳᠡᠬᠦᠨ ᠤ ᠪᠠᠷᠢᠮᠵᠢᠶ᠎ᠠ ᠶᠢ ᠨᠢᠬᠡᠤᠨᠬᠡᠨ᠂ ᠨᠢᠬᠡᠳᠤᠯᠳᠠᠢ ᠬᠢᠨᠠᠯᠳᠠ ᠰᠢᠯᠭᠠᠯᠳᠠ ᠪᠠ ᠨᠢᠬᠡᠳᠤᠯᠳᠠᠢ ᠬᠦᠷᠬᠡᠯᠳᠠ | ᠶᠢ ᠬᠡᠷᠡᠭᠵᠢᠬᠦᠯᠤᠨ᠎ᠠ︔ ᠤᠯᠵᠠᠴᠢ ᠪᠠᠯᠭᠠᠰᠤᠨ ᠤ ᠢᠳᠡᠰᠢᠨ ᠨᠤᠭᠤᠭ᠎ᠠ ᠰᠢᠭᠤᠤᠨ ᠪᠤᠷᠤᠯᠠᠭᠤᠯᠬᠤ ᠳᠤᠷᠰᠢᠯᠳᠠ ᠶᠢ ᠡᠬᠢᠯᠡᠬᠦᠯᠤᠨ᠂ ᠪᠠᠯᠭᠠᠰᠤᠨ ᠳᠤᠭᠤᠷᠢᠭ ᠤᠨ | ᠰᠠᠭᠤᠭᠠᠯᠢ ᠠᠷᠠᠤᠨ ᠲᠤ ᠳᠤᠭᠳᠠᠭᠰᠡᠨ ᠦᠨ᠎ᠠ ᠶᠢᠨ ᠠᠮᠤᠷ ᠲᠦᠪᠰᠢᠨ ᠨᠤᠭᠤᠭ᠎ᠠ ᠬᠠᠩᠭᠠᠨ᠎ᠠ︔ ᠡᠯ᠎ᠡ ᠪᠠᠯᠭᠠᠰᠤ ᠪᠤᠯᠤᠨ ᠳᠤᠮᠤ ᠵᠠᠬ᠎ᠠ ᠳᠡᠯᠬᠡᠬᠦᠷ ᠤᠨ ᠪᠠᠷᠢᠮᠵᠢᠶᠠᠳᠤ | ᠲᠦᠷᠬᠡᠨ ᠪᠠᠶᠢᠴᠠᠭᠠᠯᠳᠠ ᠶᠢᠨ ᠳᠠᠰᠤᠭ ᠢ ᠪᠠᠶᠢᠭᠤᠯᠵᠤ᠂ ᠲᠦᠳᠠ ᠲᠦᠷᠬᠡᠨ ᠬᠢᠨᠠᠨ ᠰᠢᠯᠭᠠᠯᠳᠠ ᠪᠠ ᠠᠶᠤᠯᠬᠦᠢ ᠶᠢᠨ ᠵᠦᠪᠰᠢᠶᠡᠷᠡᠯ ᠢ ᠬᠡᠷᠡᠭᠵᠢᠬᠦᠯᠤᠨ᠂ ᠠᠷᠠᠤᠨ | ᠤᠯᠠᠨ ᠤ ᠢᠳᠡᠬᠡᠨ ᠤ ᠠᠮᠤᠷ ᠲᠦᠪᠰᠢᠨ ᠢ ᠪᠠᠳᠤᠯᠠᠨ᠎ᠠ᠃ ᠬᠤᠶᠠᠷ ᠲᠤ᠂ ᠤᠷᠴᠢᠨ ᠳᠤᠭᠤᠷᠢᠨ ᠤ ᠬᠡᠮ ᠰᠤᠭᠤᠭ ᠤᠨ ᠪᠠᠶᠢᠴᠠᠭᠠᠯᠳᠠ ᠴᠡᠭᠴᠡᠯᠡᠯᠳᠠ ᠶᠢ | ᠴᠢᠩᠭᠠᠤᠨᠬᠠᠨ᠎ᠠ᠃ ᠤᠯᠤᠰ ᠤᠨ ᠠᠮᠢ ᠠᠬᠤᠶᠢᠴᠢ ᠠᠵᠤ ᠤᠶᠢᠯᠡᠤᠨᠪᠤᠷᠢ ᠶᠢᠨ ᠳᠠᠭᠤᠷᠢᠶᠠᠯ ᠬᠦᠷᠢᠶᠠᠯᠠᠩ ᠳᠤᠭᠤᠷᠢᠭ ᠤᠨ ᠴᠤᠭᠴᠠᠯᠠᠯᠳᠠ ᠶᠢᠨ ᠠᠵᠢᠯ ᠢ ᠯᠠᠪᠳᠠᠭᠤᠨ | ᠠᠬᠢᠭᠤᠯᠵᠤ᠂ ᠠᠵᠤ ᠠᠬᠤᠶᠢᠯᠠᠯ ᠤᠨ ᠤᠷᠴᠢᠨ ᠬᠠᠮᠠᠭᠠᠯᠠᠯ ᠤᠨ ᠬᠠᠤᠯᠢ ᠳᠤ ᠳᠤᠭᠳᠠᠭᠠᠭᠰᠡᠨ ᠡᠬᠦᠷᠬᠡ ᠪᠠᠨ ᠪᠡᠶᠡᠯᠡᠬᠦᠯᠬᠦ ᠶᠢ ᠰᠢᠪᠠᠳᠠᠨ ᠱᠠᠭᠠᠷᠳᠠᠨ᠎ᠠ᠃ ᠬᠠᠤᠯᠢ | ᠪᠤᠰᠤ ᠠᠵᠢᠯᠯᠠᠭ᠎ᠠ ᠶᠢ ᠡᠷᠡᠰ ᠪᠠᠶᠢᠴᠭᠠᠵᠤ ᠰᠢᠢᠤᠨᠪᠤᠷᠢᠯᠡᠨ᠂ ᠤᠷᠴᠢᠨ ᠳᠤᠭᠤᠷᠢᠨ ᠤ ᠨᠤᠴᠢᠳᠠᠢ ᠬᠡᠷᠡᠭ ᠤᠴᠢᠷ ᠡᠬᠦᠰᠬᠦ ᠶᠢ ᠡᠷᠡᠰ ᠬᠤᠷᠢᠭᠯᠠᠨ᠎ᠠ᠃ ᠭᠤᠷᠪᠠ ᠳᠤ᠂ | ᠨᠠᠶᠢᠬᠡᠮ ᠨᠠᠶᠢᠳᠠ ᠶᠢᠨ ᠠᠮᠤᠷ ᠳᠤᠭᠳᠠᠭᠤᠨ ᠤ ᠡᠵᠡᠮᠰᠢᠯ ᠤᠨ ᠠᠵᠢᠯ ᠢ ᠰᠠᠶᠢᠳᠤᠷ ᠬᠢᠨ᠎ᠠ᠃ ᠤᠳᠤᠷᠢᠳᠤᠯᠭ᠎ᠠ ᠵᠠᠬᠢᠳᠠᠯ ᠰᠤᠷᠪᠤᠯᠵᠢᠯᠠᠭ᠎ᠠ ᠬᠦᠯᠢᠶᠡᠬᠦ᠂ ᠦᠨᠳᠤᠰᠤᠨ | ᠱᠠᠳᠤᠨ ᠳᠤ ᠬᠦᠨᠵᠡᠬᠡᠶᠢᠷᠡᠨ ᠰᠤᠷᠪᠤᠯᠵᠢᠯᠠᠬᠤ᠂ ᠭᠤᠷᠪᠠᠨ ᠱᠠᠳᠤ ᠪᠠᠷ ᠳᠡᠬᠦᠰᠬᠡᠬᠦ ᠲᠦᠷᠢᠮ ᠢ ᠡᠷᠡᠰ ᠬᠡᠷᠡᠭᠵᠢᠬᠦᠯᠵᠤ᠂ ᠬᠦᠴᠢᠷ ᠶᠠᠷᠰᠢᠭ ᠲᠠᠢ ᠬᠡᠷᠡᠭ ᠢ | ᠲᠦᠪᠯᠡᠷᠡᠩᠬᠦᠢ ᠵᠠᠳᠠᠯᠤᠨ᠂ ᠳᠤᠭᠳᠠᠮᠠᠯ ᠬᠤᠭᠤᠴᠠᠭ᠎ᠠ ᠲᠠᠢ ᠪᠠᠷ ᠰᠤᠳᠤᠯᠤᠭ᠎ᠠ ᠵᠠᠳᠠᠯᠤᠯᠳᠠ ᠮᠠᠭᠠᠤᠨᠯᠠᠯᠳᠠ ᠬᠢᠵᠤ᠂ ᠠᠷᠠᠤᠨ ᠤᠯᠠᠨ ᠤ ᠵᠦᠢ ᠶᠤᠰᠤᠨ ᠤ | ᠱᠠᠭᠠᠷᠳᠠᠯᠭ᠎ᠠ ᠶᠢ ᠬᠦᠴᠤᠯᠡᠨ ᠰᠢᠢᠤᠨᠪᠤᠷᠢᠯᠡᠨᠠ᠃ ᠵᠠᠰᠠᠭ ᠤᠨ ᠤᠷᠳᠤᠨ ᠤ ᠠᠯᠪᠠᠨ ᠵᠢᠬᠡᠯᠯᠡᠭᠡ ᠤᠯᠬᠤ ᠡᠷᠴᠢᠮ ᠢ ᠴᠢᠩᠭᠠᠤᠨᠬᠠᠵᠤ᠂ ᠰᠤᠯᠠ ᠪᠠᠶᠢᠬᠤ ᠬᠦᠷᠤᠩᠬᠡ | ᠬᠤᠭᠰᠢᠯ ᠢ ᠠᠮᠢᠳᠤᠯᠢᠭᠵᠢᠭᠤᠯᠤᠨ᠂ ᠦᠷᠢ ᠦᠭᠴᠡᠭᠡ ᠶᠢ ᠪᠦᠳᠤᠮᠵᠢᠳᠠᠢ ᠰᠢᠢᠤᠨᠪᠤᠷᠢᠯᠡᠨᠠ᠃ ᠰᠡᠷᠬᠡᠶᠢᠯᠡᠨ ᠡᠵᠡᠮᠰᠢᠬᠦ ᠪᠡᠶᠡᠳᠤ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠤᠨᠬᠠᠨ᠂ ᠪᠠᠯᠭᠠᠰᠤᠨ ᠳᠤᠭᠤᠷᠢᠭ ᠤᠨ ᠵᠡᠬᠡᠯᠢ ᠭᠤᠳᠤᠮᠵᠢ᠂ ᠭᠠᠷᠬᠤ ᠵᠠᠮ ᠬᠤᠳᠠ ᠬᠦᠳᠡᠭᠡ ᠶᠢᠨ ᠲᠦᠪᠯᠡᠷᠡᠩᠬᠦᠢ ᠰᠠᠭᠤᠷᠢᠰᠢᠯ ᠤᠨ ᠳᠤᠭᠤᠷᠢᠭ ᠲᠤ ᠬᠠᠷᠠᠭᠠᠨ | ᠳᠠᠪᠳᠠᠮᠵᠢᠳᠤ ᠬᠢᠨᠠᠨ ᠡᠵᠡᠮᠰᠢᠯ ᠢ ᠲᠦᠬᠡᠮᠡᠯᠵᠢᠬᠦᠯᠤᠨᠠ᠃ ᠳᠤᠳᠤᠭᠠᠳᠤ ᠶᠢ ᠬᠠᠮᠠᠭᠠᠯᠠᠬᠤ ᠠᠵᠢᠯ ᠤᠨ ᠦᠬᠡᠷᠡᠴᠢᠯᠡᠯᠳᠠ ᠪᠤᠯᠤᠨ ︽ᠲᠦᠷᠪᠡᠨ ᠲᠦᠷᠤᠯ ᠤᠨ | ᠪᠠᠶᠢᠭᠤᠯᠤᠯᠳᠠ︾ ᠶᠢ ᠯᠠᠪᠳᠠᠭᠤᠨ ᠠᠬᠢᠭᠤᠯᠵᠤ᠂ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠪᠠᠨ ᠦᠷᠬᠦᠯᠵᠢ ᠪᠠᠳᠤᠯᠠᠨ᠂ ᠨᠡᠬᠦᠳᠡᠯ | ᠬᠦᠮᠤᠨ ᠠᠮᠠ ᠶᠢᠨ ᠬᠠᠮᠢᠶᠠᠷᠤᠯᠳᠠ ᠡᠵᠡᠮᠰᠢᠯ ᠢ ᠴᠢᠩᠭᠠᠤᠨᠬᠠᠵᠤ᠂ ᠠᠷᠠᠤᠨ ᠤᠯᠠᠨ ᠤ ᠠᠮᠤᠷ ᠵᠢᠷᠭᠠᠯ ᠢ ᠪᠠᠳᠤᠯᠠᠨ᠎ᠠ᠃ | ᠲᠦᠷᠪᠠ ᠳᠤ᠂ ᠵᠠᠰᠠᠭ ᠤᠨ ᠤᠷᠳᠤᠨ ᠤ ᠬᠤᠪᠢ ᠪᠡᠶ᠎ᠡ ᠶᠢᠨ ᠪᠠᠶᠢᠭᠤᠯᠤᠯᠳᠠ ᠶᠢ ᠳᠠᠰᠤᠷᠠᠯᠳᠠ ᠦᠬᠡᠢ ᠴᠢᠩᠭᠠᠤᠨᠬᠠᠨ᠎ᠠ᠃ | ᠦᠪᠡᠷᠳᠡᠬᠡᠨ ᠵᠠᠰᠠᠬᠤ ᠤᠷᠤᠨ ᠤ ᠬᠡᠪᠴᠢᠶᠡᠨ ᠳᠤ ᠴᠢᠨᠡᠬᠡᠯᠢᠭ ᠨᠠᠶᠢᠬᠡᠮ ᠢ ᠳᠡᠷᠢᠬᠦᠯᠡᠨ ᠪᠠᠶᠢᠭᠤᠯᠬᠤ ᠬᠠᠷᠠᠯᠳᠠ ᠶᠢ ᠪᠡᠶᠡᠯᠡᠬᠦᠯᠬᠦ ᠳᠤ ᠵᠠᠰᠠᠭ ᠤᠨ ᠤᠷᠳᠤᠨ ᠤ | ᠳᠤᠰ ᠪᠡᠶ᠎ᠡ ᠶᠢᠨ ᠪᠠᠶᠢᠭᠤᠯᠤᠯᠳᠠ ᠶᠢ ᠡᠷᠬᠡᠪᠰᠢ ᠳᠠᠰᠤᠷᠠᠯᠳᠠ ᠦᠬᠡᠢ ᠴᠢᠩᠭᠠᠤᠨᠬᠠᠨ᠂ ᠰᠢᠨ᠎ᠠ ᠬᠡᠪ ᠤᠨ ᠪᠠᠶᠢᠳᠠᠯ ᠳᠤ ᠬᠦᠭᠵᠢᠯᠳᠠ ᠶᠢᠨ ᠴᠢᠳᠠᠪᠬᠢ ᠪᠠ ᠲᠦᠪᠰᠢᠨ ᠢ | ᠳᠡᠬᠡᠭᠰᠢᠯᠡᠬᠦᠯᠬᠦ ᠴᠢᠬᠤᠯᠠᠳᠠᠢ ᠶᠤᠮ᠃ | ᠳᠤᠭᠳᠠᠴᠠ ᠪᠠᠷ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ᠃ ︽ᠭᠤᠷᠪᠠᠨ ᠴᠢᠩᠭ᠎ᠠ ᠭᠤᠷᠪᠠᠨ ᠪᠤᠳᠠᠳᠠᠢ︾ ᠶᠢ ᠬᠢᠨᠠᠮᠠᠭᠠᠢ ᠤᠶᠢᠯᠡᠳᠤᠯᠬᠡᠵᠢᠬᠦᠯᠵᠤ᠂ | ᠰᠢᠷᠭᠠᠭᠤ ᠠᠵᠢᠯᠯᠠᠨ ᠵᠤᠷᠢᠭᠳᠠᠢ ᠡᠬᠦᠷᠬᠡᠯᠡᠬᠦ ᠵᠤᠷᠢᠭ ᠰᠤᠷᠳᠠᠯ ᠢ ᠪᠠᠳᠠᠷᠠᠭᠤᠯᠤᠨ᠂ ᠬᠦᠨᠳᠤ ᠶᠢ ᠡᠬᠦᠷᠬᠡᠯᠡᠨ ᠬᠦᠴᠢᠷ ᠢ ᠰᠢᠢᠤᠨᠪᠤᠷᠢᠯᠡᠵᠤ᠂ ᠠᠵᠢᠯ ᠤᠨ | ᠪᠠᠶᠢᠷᠢᠯᠠᠭᠤᠯᠤᠯᠳᠠ ᠤᠷᠤᠨᠵᠢᠭᠤᠯᠤᠯᠳᠠ ᠶᠢ ᠪᠠᠳᠤᠯᠠᠨ᠎ᠠ᠃ ᠡᠷᠬᠡ ᠶᠢᠨ ᠬᠡᠷᠡᠭᠯᠡᠯᠳᠠ ᠶᠢᠨ ᠳᠤᠳᠤᠷᠬᠠᠶᠢᠯᠠᠯ ᠪᠠ ᠨᠠᠵᠠᠭᠠᠢ ᠨᠦᠯᠤᠬᠡ ᠪᠤᠯᠤᠯᠴᠠᠭ᠎ᠠ ᠶᠢᠨ ᠳᠤᠳᠤᠷᠬᠠᠶᠢᠯᠠᠯ | ᠵᠢᠴᠢ ᠬᠠᠷᠢᠭᠤᠴᠠᠯᠭ᠎ᠠ ᠶᠢᠨ ᠳᠤᠳᠤᠷᠬᠠᠶᠢᠯᠠᠯ ᠤᠨ ᠲᠦᠷᠢᠮ ᠢ ᠬᠡᠷᠡᠭᠵᠢᠬᠦᠯᠵᠤ᠂ ᠳᠤᠭᠳᠠᠮᠠᠯ ᠬᠤᠭᠤᠴᠠᠭ᠎ᠠ ᠲᠠᠢ ᠪᠠᠷ ᠬᠠᠷᠢᠭᠤ ᠳᠤᠰᠬᠠᠬᠤ ᠪᠠ ᠬᠢᠨᠠᠨ | ᠰᠢᠯᠭᠠᠷᠠᠭᠤᠯᠤᠯᠳᠠ ᠶᠢᠨ ᠢᠯᠡᠰᠢᠯᠡᠬᠦᠯᠤᠯ ᠬᠢᠬᠦ ᠳᠤᠭᠳᠠᠴᠠ ᠶᠢ ᠳᠡᠬᠦᠯᠳᠡᠷᠵᠢᠵᠬᠦᠯᠵᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠠᠰᠠᠭᠤᠬᠤ ᠬᠦᠴᠤᠯᠡᠴᠠ ᠶᠢ | ᠴᠢᠩᠭᠠᠤᠨᠬᠠᠨ᠂ ︽ᠡᠳᠤᠷ ᠦᠩᠬᠡᠷᠡᠬᠦᠯᠬᠦ︾᠂ ︽ᠠᠯᠪᠠ ᠬᠠᠰᠢᠬᠤ︾᠂ ︽ᠡᠬᠦᠷᠬᠡ ᠳᠤᠰᠢᠶᠠᠯ ᠢᠶᠠᠨ ᠬᠦᠢᠴᠡᠤᠨᠬᠡᠬᠦ ᠦᠬᠡᠢ︾ ᠬᠤᠶᠢᠭᠤᠰᠢᠷᠠᠬᠤ ᠦᠵᠡᠭᠳᠡᠯ ᠪᠠ | ᠰᠡᠯᠡᠩ ᠤᠳᠠᠭᠠᠨ᠂ ᠳᠤᠷ᠎ᠠ ᠳᠠᠪᠠ ᠪᠠᠷ ᠤᠶᠢᠯᠡᠤᠨᠬᠦ ᠶᠢ ᠡᠷᠡᠰ ᠴᠢᠩᠭ᠎ᠠ ᠪᠠᠶᠢᠴᠠᠭᠠᠨ ᠰᠢᠢᠤᠨᠪᠤᠷᠢᠯᠡᠵᠤ᠂ ᠵᠠᠰᠠᠭ ᠨᠡᠪᠳᠡᠷᠬᠡᠢ᠂ ᠪᠦᠳᠤᠮᠵᠢ ᠰᠠᠶᠢᠳᠠᠢ ᠪᠠᠶᠢᠳᠠᠯ ᠢ ᠪᠤᠢ | ᠪᠤᠯᠭᠠᠨ᠎ᠠ᠃ | ᠬᠠᠤᠯᠢ ᠲᠦᠷᠢᠮ ᠢᠶᠠᠷ ᠲᠦᠷᠢᠮᠵᠢᠯ ᠢ ᠠᠬᠢᠭᠤᠯᠤᠨ᠎ᠠ᠃ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠬᠠᠤᠯᠢ ᠶᠢᠨ ᠬᠢᠨᠠᠯᠳᠠ ᠪᠠ ᠤᠯᠤᠰ ᠲᠦᠷᠤ | ᠶᠢᠨ ᠵᠦᠪᠯᠡᠯᠬᠡᠨ ᠤ ᠠᠷᠠᠤᠨᠴᠢᠯᠠᠭᠰᠡᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠠᠷᠠᠤᠨ ᠤᠨ ᠲᠦᠯᠤᠬᠡᠯᠡᠭᠴᠢ ᠪᠠ ᠤᠯᠤᠰ ᠲᠦᠷᠤ ᠶᠢᠨ ᠵᠦᠪᠯᠡᠯᠬᠡᠨ ᠤ | ᠬᠡᠰᠢᠬᠦᠤᠨ᠂ ᠡᠯ᠎ᠡ ᠠᠷᠠᠤᠨᠴᠢᠯᠠᠭᠰᠡᠨ ᠨᠠᠮ ᠪᠦᠯᠦᠭ᠂ ᠠᠵᠤ ᠤᠶᠢᠯᠡᠤᠨᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠤᠨ ᠪᠤᠰᠤ ᠡᠳᠡᠬᠡᠤᠨ ᠤᠨ ᠰᠠᠨᠠᠯ ᠰᠠᠨᠠᠭᠤᠯᠭ᠎ᠠ ᠶᠢ | ᠬᠢᠨᠠᠮᠠᠭᠠᠢ ᠬᠦᠯᠢᠶᠡᠨ ᠰᠤᠨᠤᠰᠤᠨ᠎ᠠ᠃ ︽ᠭᠤᠷᠪᠠᠨ ᠴᠢᠬᠤᠯᠠ ᠨᠢᠬᠡ ᠶᠡᠭᠡ︾ ᠶᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠵᠠᠰᠠᠭ ᠤᠨ ᠤᠷᠳᠤᠨ ᠤ ᠬᠠᠤᠯᠢ | ᠶᠤᠰᠤᠭᠠᠷ ᠰᠢᠢᠤᠨᠪᠤᠷᠢ ᠳᠤᠭᠳᠠᠭᠠᠬᠤ ᠳᠠᠷᠠᠭᠠᠯᠠᠯ ᠢ ᠳᠡᠬᠦᠯᠳᠡᠷᠵᠢᠬᠦᠯᠤᠨ᠂ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠰᠢᠢᠤᠨᠪᠤᠷᠢᠳᠤ ᠪᠤᠳᠤᠯᠭ᠎ᠠ ᠶᠢᠨ ᠰᠢᠨᠵᠢᠯᠡᠬᠦ | ᠤᠬᠠᠭᠠᠨᠴᠢ ᠴᠢᠨᠠᠷ ᠪᠠ ᠠᠷᠠᠤᠨᠴᠢᠯᠠᠭᠰᠡᠨ ᠲᠦᠪᠰᠢᠨ ᠢ ᠳᠡᠬᠡᠭᠰᠢᠯᠡᠬᠦᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠤᠯᠳᠠ ᠶᠢᠨ ᠬᠠᠷᠢᠭᠤᠴᠠᠯᠭ᠎ᠠ ᠶᠢᠨ ᠲᠦᠷᠢᠮ | ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠶᠢ ᠴᠢᠩᠭ᠎ᠠ ᠲᠦᠷᠢᠮᠵᠢᠬᠦᠯᠤᠨ᠎ᠠ᠃ ᠬᠠᠤᠯᠢ ᠲᠦᠷᠢᠮ ᠤᠨ | ᠰᠤᠷᠳᠠᠯᠴᠢᠯᠠᠭ᠎ᠠ ᠬᠦᠮᠤᠵᠢᠯ ᠢ ᠴᠢᠩᠭᠠᠤᠨᠬᠠᠵᠤ᠂ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠳᠤᠰᠠᠯᠠᠮᠵᠢ ᠶᠢᠨ ᠲᠦᠪ ᠢ ᠪᠠᠶᠢᠭᠤᠯᠤᠨ᠂ ᠠᠷᠠᠤᠨ ᠤᠯᠠᠨ ᠤ | ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ | ᠦᠬᠡᠷᠡᠴᠢᠯᠠᠯᠳᠠ ᠪᠠᠷ ᠰᠢᠨᠠᠴᠢᠯᠠᠯᠳᠠ ᠶᠢ ᠠᠬᠢᠭᠤᠯᠤᠨ᠎ᠠ᠃ ᠲᠦᠪ ᠪᠠ ᠤᠷᠤᠨ᠂ ᠬᠤᠳᠠ ᠶᠢᠨ ᠦᠬᠡᠷᠡᠴᠢᠯᠠᠯᠳᠠ ᠶᠢ ᠪᠦᠬᠦ ᠳᠠᠯ᠎ᠠ ᠪᠠᠷ ᠬᠦᠯᠢᠶᠡᠨ ᠠᠪᠴᠤ᠂ | ᠳᠠᠭᠠᠭᠠᠮᠠᠭᠠᠢ ᠤᠨᠤᠪᠴᠢᠳᠠᠢ ᠪᠠᠷ ᠠᠵᠢᠯᠯᠠᠭ᠎ᠠ ᠠᠪᠤᠨ ᠦᠬᠡᠷᠡᠴᠢᠯᠠᠯᠳᠠ ᠶᠢ ᠠᠬᠢᠭᠤᠯᠵᠤ᠂ ᠰᠢᠨ᠎ᠠ ᠪᠦᠳᠤᠮᠵᠢ ᠶᠢ ᠳᠠᠰᠤᠷᠠᠯᠳᠠ ᠦᠬᠡᠢ ᠪᠤᠢ ᠪᠤᠯᠭᠠᠨ᠎ᠠ᠃ | ᠦᠨᠳᠤᠰᠤᠨ ᠱᠠᠳᠤᠨ ᠤ ᠡᠵᠡᠨ ᠮᠡᠳᠡᠭᠰᠡᠨ ᠰᠢᠨᠡᠴᠢᠯᠠᠯᠳᠠ ᠶᠢ ᠲᠦᠷᠬᠡᠤᠨᠬᠡᠨ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠦᠬᠡᠷᠡᠴᠢᠯᠡᠯᠳᠠ ᠶᠢ ᠲᠦᠷᠬᠡᠤᠨᠬᠡᠨ᠂ | ᠳᠤᠯᠤᠭᠠᠶᠢᠯᠠᠭᠴᠢ ᠠᠵᠤ ᠠᠬᠤᠶᠢᠯᠡᠯ ᠬᠢᠬᠡᠤᠨ ᠮᠠᠯᠴᠢᠨ ᠳᠠᠷᠢᠶᠠᠴᠢᠤᠨ ᠤᠨ ᠡᠷᠬᠡ ᠠᠰᠢᠭ ᠤᠨ ᠬᠠᠮᠳᠤ ᠶᠢᠨ ᠳᠤᠰᠠ ᠵᠡᠷᠬᠡ ᠦᠬᠡᠷᠡᠴᠢᠯᠠᠯᠳᠠ ᠳᠤᠷᠰᠢᠯᠳᠠ ᠶᠢᠨ ᠳᠠᠯ᠎ᠠ | ᠪᠠᠷ ᠪᠦᠳᠤᠮᠵᠢ ᠭᠠᠷᠭᠠᠨ ᠳᠤᠷᠰᠢᠯᠭ᠎ᠠ ᠬᠤᠷᠢᠶᠠᠨ᠎ᠠ᠃ ᠵᠠᠰᠠᠭ ᠤᠨ ᠶᠠᠪᠤᠳᠠᠯ ᠤᠨ ᠰᠢᠨ᠎ᠠ ᠲᠢᠩᠬᠢᠮ ᠢ ᠠᠵᠢᠯᠯᠠᠭ᠎ᠠ ᠡᠬᠢᠯᠡᠬᠦᠯᠵᠤ᠂ ︽ᠭᠠᠭᠴᠠ ᠴᠤᠩᠬᠤ ᠪᠠᠷ | ᠲᠦᠪᠯᠡᠷᠡᠩᠬᠦᠢ ᠬᠦᠢᠴᠡᠤᠨᠬᠡᠬᠦ︾ ᠪᠠ ᠰᠦᠯᠵᠢᠶᠡᠨ ᠳᠡᠬᠡᠷ᠎ᠠ ᠬᠤᠯᠪᠤᠭᠠᠨᠯᠠᠨ ᠬᠢᠨᠠᠨ ᠴᠤᠬᠤᠯᠠᠪᠤᠷᠢᠯᠠᠬᠤ ᠠᠷᠭ᠎ᠠ ᠬᠡᠯᠪᠡᠷᠢ ᠶᠢ ᠬᠦᠴᠤᠯᠡᠨ ᠬᠡᠷᠡᠭᠵᠢᠬᠦᠯᠵᠤ᠂ ᠠᠵᠢᠯ ᠤᠨ | ᠳᠤᠮᠳᠠ ᠪᠠ ᠠᠵᠢᠯ ᠤᠨ ᠳᠠᠷᠠᠭ᠎ᠠ ᠬᠢᠨᠠᠨ ᠬᠠᠮᠢᠶᠠᠷᠬᠤ ᠪᠠᠨ ᠴᠢᠩᠭᠠᠤᠨᠬᠠᠨ᠂ ᠡᠮᠤᠨᠡᠴᠢ ᠬᠢᠨᠠᠨ ᠴᠤᠬᠤᠯᠠᠪᠤᠷᠢᠯᠠᠯ ᠢ ᠬᠠᠰᠤᠨ ᠴᠤᠮᠬᠠᠤᠨᠬᠠᠵᠤ᠂ ᠬᠢᠨᠠᠨ ᠴᠤᠬᠤᠯᠠᠪᠤᠷᠢᠯᠠᠯ | ᠤᠨ ᠴᠠᠭ ᠤᠨ ᠬᠢᠵᠠᠭᠠᠷᠯᠠᠯ ᠢ ᠪᠦᠳᠤᠮᠵᠢᠳᠠᠢ ᠪᠠᠭᠠᠰᠬᠠᠵᠤ᠂ ᠳᠡᠷᠢᠬᠦᠨ ᠤ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠦᠪ ᠢ ᠴᠤᠭᠴᠠᠯᠠᠨ᠎ᠠ᠃ ᠰᠤᠷᠭᠠᠨ | ᠬᠦᠮᠤᠵᠢᠯ᠂ ᠡᠷᠡᠬᠦᠯ ᠬᠠᠮᠠᠭᠠᠯᠠᠯ᠂ ᠮᠠᠯ ᠳᠠᠷᠢᠶᠠᠯᠠᠩ ᠤᠨ ᠤᠶᠢᠯᠡᠰ ᠵᠡᠷᠬᠡ ᠳᠤ ᠳᠡᠬᠡᠳᠤ ᠳᠡᠰ ᠤᠨ ᠴᠢᠳᠠᠪᠤᠷᠢᠳᠠᠨ ᠤᠷᠢᠨ ᠬᠡᠷᠡᠭᠯᠡᠬᠦ ᠵᠠᠮ ᠮᠦᠷ ᠢ ᠰᠢᠯᠤᠭᠤᠤᠨᠬᠠᠨ᠂ | ︽ᠰᠢᠨ᠎ᠠ ᠮᠠᠶ᠋ᠢᠭ ᠤᠨ ᠠᠵᠢᠯ ᠮᠡᠷᠬᠡᠵᠢᠯ ᠤᠨ ᠮᠠᠯᠴᠢᠨ ᠳᠠᠷᠢᠶᠠᠴᠢᠨ︾ ᠬᠦᠮᠤᠵᠢᠬᠦᠯᠵᠤ᠂ ᠠᠵᠤ ᠠᠬᠤᠢ ᠶᠢᠨ ᠬᠦᠭᠵᠢᠯᠳᠠ ᠳᠤ ᠴᠢᠳᠠᠪᠤᠷᠢᠳᠠᠨ ᠪᠠᠳᠤᠯᠠᠭ᠎ᠠ | ᠬᠠᠩᠭᠠᠨ᠎ᠠ᠃ | ᠰᠠᠬᠢᠯᠭ᠎ᠠ ᠪᠠᠨ ᠴᠢᠩᠭᠠᠤᠨᠬᠠᠬᠤ ᠪᠠᠷ ᠴᠢᠬᠡᠴᠢ ᠵᠠᠰᠠᠭᠯᠠᠨᠠ᠃ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ | ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠴᠠᠭ ᠢᠮᠠᠭᠳᠠ ᠰᠠᠬᠢᠯᠭ᠎ᠠ ᠪᠠ ᠲᠦᠷᠢᠮ ᠢ ᠳᠡᠷᠢᠬᠦᠨ ᠪᠠᠶᠢᠷᠢᠨ ᠳᠤ ᠭᠤᠤᠯᠴᠢᠯᠠᠨᠠ᠃ ᠤᠯᠠᠨ ᠨᠠᠶᠢᠳᠠ ᠶᠢᠨ ᠪᠡᠯᠡ | ᠮᠦᠩᠬᠦ᠂ ᠤᠯᠤᠰ ᠤᠨ ᠦᠮᠴᠢᠯᠠᠯᠳᠤ ᠬᠦᠷᠤᠩᠬᠡ᠂ ᠡᠬᠢ ᠰᠤᠷᠪᠤᠯᠵᠢ ᠪᠠ ᠤᠳᠤᠷᠢᠤᠨᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠪᠡᠶᠡᠯᠡᠬᠦᠯᠦᠭᠰᠡᠨ ᠪᠠᠶᠢᠳᠠᠯ | ᠤᠨ ᠬᠢᠨᠠᠨ ᠪᠤᠳᠤᠯᠳᠠ ᠶᠢᠨ ᠪᠦᠬᠦ ᠪᠦᠷᠬᠦᠴᠠ ᠶᠢ ᠠᠬᠢᠭᠤᠯᠵᠤ᠂ ᠬᠢᠨᠠᠨ ᠪᠤᠳᠤᠯᠳᠠ ᠶᠢᠨ ᠬᠢᠨᠠᠯᠳᠠ ᠶᠢᠨ ᠤᠶᠢᠯᠡᠳᠤᠯ ᠢ ᠦᠨᠡᠨ ᠬᠦ ᠪᠠᠳᠠᠷᠠᠭᠠᠨ᠎ᠠ᠃ ︽ᠭᠤᠷᠪᠠᠨ | ᠠᠯᠪᠠᠨ︾ ᠤ ᠵᠠᠷᠤᠳᠠᠯ ᠢ ᠴᠢᠩᠭ᠎ᠠ ᠬᠢᠵᠠᠭᠠᠷᠯᠠᠨ᠂ ᠠᠯᠪᠠᠨ ᠳᠡᠷᠬᠡ ᠶᠢᠨ ᠲᠦᠷᠢᠮ ᠤᠨ ᠦᠬᠡᠷᠡᠴᠢᠯᠠᠯᠳᠠ ᠶᠢ ᠢᠳᠡᠪᠬᠢᠳᠠᠢ ᠠᠬᠢᠭᠤᠯᠤᠨ᠎ᠠ᠃ ᠵᠠᠰᠠᠭ ᠤᠨ ᠶᠠᠪᠤᠳᠠᠯ | ᠤᠨ ᠢᠯᠡᠰᠢᠬᠦᠯᠤᠯᠳᠠ ᠶᠢ ᠬᠦᠨᠵᠡᠬᠡᠶᠢᠷᠡᠬᠦᠯᠤᠨ᠂ ᠵᠠᠰᠠᠭ ᠤᠨ ᠤᠷᠳᠤᠨ ᠤ ᠴᠢᠮᠡᠭᠡ ᠵᠠᠩᠬᠢ ᠶᠢᠨ ᠨᠠᠶᠢᠳᠠᠯᠡᠯ ᠪᠠ ᠰᠤᠨᠢᠨ ᠮᠡᠳᠡᠬᠡᠨ ᠤ ᠨᠠᠶᠢᠳᠡᠯᠡᠬᠦ ᠲᠦᠷᠢᠮ ᠢ | ᠳᠡᠬᠦᠯᠳᠡᠷᠵᠢᠬᠦᠯᠵᠤ᠂ ︽ᠢᠯᠡ ᠳᠤᠳᠤ ᠵᠠᠰᠠᠭ ᠤᠨ ᠤᠷᠳᠤᠨ︾ ᠤ ᠪᠠᠶᠢᠭᠤᠯᠤᠯᠳᠠ ᠶᠢ ᠠᠬᠢᠭᠤᠯᠵᠤ᠂ ᠵᠠᠰᠠᠭ ᠤᠨ ᠤᠷᠳᠤᠨ ᠤ ᠠᠵᠢᠯ ᠢ ᠤᠯᠠᠮ ᠢᠯᠡ ᠳᠤᠳᠤ᠂ | ᠤᠯᠠᠮ ᠢᠳᠡᠬᠡᠮᠵᠢ ᠳᠡᠬᠦᠯᠳᠡᠷ ᠪᠤᠯᠭᠠᠨ᠎ᠠ᠃ ᠲᠦᠷᠢᠮ ᠢᠶᠠᠷ ᠡᠷᠬᠡ᠂ ᠤᠴᠢᠷ ᠪᠠ ᠬᠦᠮᠤᠨ ᠬᠠᠮᠢᠶᠠᠷᠬᠤ ᠶᠢ ᠪᠠᠷᠢᠮᠳᠠᠯᠠᠨ᠂ ᠵᠠᠰᠠᠭ ᠤᠨ ᠤᠷᠳᠤᠨ ᠤ ᠰᠢᠰᠲ᠋ᠧᠮ ᠤᠨ | ᠰᠤᠷᠳᠠᠯ ᠤᠨ ᠪᠠᠶᠢᠭᠤᠯᠤᠯᠳᠠ ᠶᠢ ᠴᠢᠩᠭᠠᠤᠨᠬᠠᠵᠤ᠂ ᠠᠷᠠᠤᠨ ᠤᠯᠠᠨ ᠤ ᠬᠠᠵᠠᠭᠤ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠤᠨᠪᠤᠷᠢᠯᠡᠵᠤ᠂ ᠺᠠᠳ᠋ᠷ | ᠴᠢᠬᠡᠴᠢ᠂ ᠵᠠᠰᠠᠭ ᠠᠷᠢᠭᠤᠨ᠂ ᠰᠤᠷᠳᠠᠯ ᠬᠡᠬᠡᠨ ᠪᠠᠶᠢᠳᠠᠯ ᠢ ᠪᠠᠳᠤᠯᠠᠨ ᠰᠠᠶᠢᠵᠢᠷᠠᠭᠤᠯᠤᠨ᠎ᠠ᠃ | ᠲᠦᠯᠤᠬᠡᠯᠡᠭᠴᠢᠤᠨ ᠡ᠂ ᠰᠢᠨ᠎ᠠ ᠡᠬᠢᠯᠡᠯᠳᠠ ᠶᠢᠨ ᠴᠡᠭ ᠳᠡᠬᠡᠷᠡᠬᠢ ᠰᠢᠨ᠎ᠠ ᠳᠡᠤᠬᠡ ᠶᠢᠨ ᠠᠶᠠᠨ ᠢᠶᠠᠨ ᠡᠬᠢᠯᠡᠬᠦᠯᠬᠦ ᠪᠤᠯ ᠴᠠᠭ ᠦᠶ᠎ᠡ ᠪᠠ ᠠᠷᠠᠤᠨ ᠤᠯᠠᠨ ᠤ | ᠬᠦᠰᠡᠯ ᠨᠠᠶᠢᠳᠠᠯᠭ᠎ᠠ ᠶᠤᠮ᠂ ᠮᠦᠨᠴᠤ ᠪᠢᠳ᠋ᠨ ᠪᠦᠬᠦᠨ ᠤ ᠴᠦᠬᠦᠷᠡᠰᠢ ᠦᠬᠡᠢ ᠤᠷᠤᠭᠰᠢᠯᠠᠨ ᠳᠠᠪᠰᠢᠬᠤ ᠶᠢᠨ ᠦᠨᠳᠤᠰᠤ ᠰᠢᠯᠳᠠᠭᠠᠨ ᠶᠤᠮ᠃ ᠪᠢᠳᠠ ᠬᠤᠰᠢᠭᠤ ᠨᠠᠮ | ᠤᠨ ᠬᠤᠷᠢᠶᠠᠨ ᠤ ᠬᠦᠴᠤᠳᠤ ᠤᠳᠤᠷᠢᠳᠤᠯᠭ᠎ᠠ ᠳᠤᠤᠷ᠎ᠠ ᠪᠦᠬᠦ ᠬᠤᠰᠢᠭᠤᠨ ᠤ ᠡᠯ᠎ᠡ ᠦᠨᠳᠤᠰᠤᠳᠠᠨ ᠤ ᠠᠷᠠᠤᠨ ᠲᠦᠮᠡᠨ ᠲᠠᠢ ᠬᠠᠮᠳᠤ ᠪᠦᠯᠬᠦᠮᠳᠠᠨ ᠳᠡᠮᠡᠴᠡᠵᠤ᠂ | ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠴᠢᠯᠤᠬᠡᠯᠡᠨ᠂ ᠦᠨᠡᠨ ᠢ ᠪᠠᠷᠢᠮᠳᠠᠯᠠᠨ ᠪᠤᠳᠠᠳᠠᠢ ᠠᠵᠢᠯᠯᠠᠵᠤ᠂ ᠵᠤᠷᠢᠭᠳᠠᠢ ᠡᠬᠦᠷᠬᠡᠯᠡᠨ ᠰᠠᠨᠠᠭᠠᠴᠢᠯᠠᠭ᠎ᠠ ᠲᠠᠢ ᠳᠠᠪᠰᠢᠨ᠂ | ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠦᠭᠵᠢᠯᠳᠠ ᠶᠢᠨ ᠬᠡᠷᠡᠯ ᠰᠠᠴᠤᠷᠠᠩᠭᠤᠢ ᠠᠮᠵᠢᠯᠳᠠ ᠶᠢ ᠴᠢᠷᠮᠠᠶᠢᠨ ᠪᠦᠳᠤᠬᠡᠰᠤᠬᠡᠢ︕ | | | | | | ᠨᠡᠷᠡᠰ ᠤᠨ ᠲᠠᠶᠢᠯᠪᠦᠷᠢ | 1. ᠮᠠᠯᠵᠢᠬᠤ ᠲᠠᠷᠢᠶᠠᠯᠠᠬᠤ ᠣᠷᠣᠨ ᠳᠤ ᠰᠢᠳᠠᠮᠠᠬᠠᠢ ᠭᠡᠢ ᠨᠡᠪᠳᠡᠷᠡᠭᠦᠯᠬᠦ ᠢᠨᠵᠧᠨᠧᠷᠢᠩ᠄ ᠬᠦᠳᠡᠭᠡ ᠣᠷᠣᠨ ᠳᠤ ᠰᠢᠳᠠᠮᠠᠬᠠᠢ ᠭᠡᠢ ᠶᠢᠨ ᠲᠠᠷᠣᠯᠳᠠ ᠶᠢᠨ | ᠬᠤᠳᠳᠤᠭ ᠪᠠᠶᠢᠭᠤᠯᠣᠨ ᠵᠦᠢ ᠵᠣᠬᠢᠰᠳᠡᠢ ᠪᠠᠶᠢᠷᠢᠯᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠠᠶᠢᠯ ᠡᠷᠦᠭᠡ ᠳᠤ ᠰᠢᠳᠠᠮᠠᠬᠠᠢ ᠭᠡᠢ ᠣᠷᠣᠭᠤᠯᠣᠨ᠂ ᠭᠡᠷᠡᠭᠯᠡᠯᠳᠠ | ᠶᠢ ᠪᠦᠬᠦᠳᠠ ᠳᠤ ᠡᠳ᠋ᠯᠡᠬᠦᠯᠬᠦ ᠠᠵᠢᠯ᠃ | 2. ᠣᠯᠣᠰ ᠤᠨ ᠪᠣᠯᠪᠠᠰᠦᠨ ᠬᠤᠰᠢᠭᠤ᠄ ᠣᠯᠣᠰ ᠤᠨ ᠲᠤᠳᠤᠭᠠᠳᠤ ᠶᠢᠨ ᠬᠤᠳᠠ ᠪᠠᠯᠭᠠᠰᠤ ᠶᠢᠨ ᠶᠡᠷᠦᠩᠬᠡᠶᠢᠯᠡᠭᠰᠠᠨ ᠬᠠᠮᠤᠭ ᠴᠢᠨᠠᠷᠯᠢᠭ ᠥᠨᠡᠯᠡᠯᠳᠡ ᠶᠢᠨ ᠨᠢᠭᠡ | ᠂ ᠭᠤᠷᠪᠠᠨ ᠵᠢᠯ ᠳᠤ ᠨᠢᠭᠡ ᠰᠢᠯᠭᠠᠷᠠᠭᠤᠯᠳᠠᠭ᠃ | 3. ᠦᠪᠡᠷᠳᠡᠭᠡᠨ ᠵᠠᠰᠠᠬᠤ ᠣᠷᠣᠨ ᠤ ︽ᠭᠤᠷᠪᠠᠨ ᠨᠢᠭᠡ︾ ᠶᠢᠨ ᠠᠷᠠᠳ ᠤᠨ ᠠᠮᠢᠳᠣᠷᠠᠯ ᠤᠨ ᠢᠨᠵᠧᠨᠧᠷᠢᠩ᠄ 2014 ᠣᠨ ᠳᠤ ᠦᠪᠦᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠯᠵᠢᠬᠤ ᠲᠠᠷᠢᠶᠠᠯᠠᠬᠤ ᠣᠷᠣᠨ ᠤ ᠲᠣᠣᠷ᠎ᠠ ᠣᠷᠣᠯᠭᠠᠳᠦ ᠠᠶᠢᠯ ᠡᠷᠦᠬᠡ ᠪᠦᠷᠢ | ᠳᠤ 1 ᠲᠣᠨ ᠲᠣᠯᠠᠭᠠᠯᠠᠮᠵᠢ ᠶᠢᠨ ᠨᠡᠭᠦᠷᠡᠰᠦ ᠬᠦᠷᠭᠡᠵᠣ᠂ ᠬᠤᠳᠠ ᠪᠠᠯᠭᠠᠰᠣᠨ ᠤ ᠲᠣᠣᠷ᠎ᠠ ᠪᠠᠳᠣᠯᠠᠭᠠᠳᠦ ᠡᠷᠦᠬᠡ ᠶᠢᠨ ᠣᠶᠣᠳᠠᠨ ᠪᠦᠷᠢ ᠳᠤ ᠵᠢᠯ ᠲᠣᠳᠣᠮ ᠲᠦᠮᠡᠨ | ᠲᠦᠬᠦᠷᠢᠭ ᠤᠨ ᠰᠣᠷᠣᠯᠭ᠎ᠠ ᠶᠢᠨ ᠲᠣᠰᠠᠯᠠᠮᠵᠢ ᠣᠯᠭᠤᠨ᠂ ᠠᠵᠢᠯ ᠲᠠᠢ ᠬᠦᠮᠦᠨ ᠦᠭᠡᠢ ᠭᠡᠷ ᠪᠦᠯᠢ ᠪᠦᠷᠢ ᠳᠤ ᠠᠳᠠᠭ ᠲᠠᠭᠠᠨ ᠨᠢᠭᠡ ᠠᠵᠢᠯ ᠤᠨ ᠪᠠᠶᠢᠷᠢ ᠬᠠᠩᠭᠠᠬᠤ | ︽ᠭᠤᠷᠪᠠᠨ ᠨᠢᠭᠡ︾ ᠶᠢᠨ ᠠᠷᠠᠳ ᠤᠨ ᠠᠮᠢᠳᠣᠷᠠᠯ ᠢ ᠬᠠᠷᠠᠭᠠᠯᠵᠠᠬᠤ ᠪᠣᠳᠠᠳᠦ ᠣᠴᠢᠷ ᠲᠣᠷᠠᠳᠪᠠ᠃ | 4. ᠭᠤᠷᠪᠠᠨ ᠦᠨᠡᠮᠯᠡᠯ ᠢ ᠨᠢᠭᠡᠳᠬᠡᠬᠦ᠂ ᠨᠢᠭᠡ ᠦᠨᠡᠮᠯᠡᠯ ᠨᠢᠭᠡ ᠳ᠋ᠣᠭᠠᠷᠯᠠᠯ ᠪᠤᠯᠭᠠᠬᠤ ᠲᠠᠩᠰᠠᠯᠠᠯᠳᠠ ᠶᠢᠨ ᠲᠦᠷᠢᠮ᠄ ︽ᠭᠤᠷᠪᠠᠨ ᠦᠨᠡᠮᠯᠡᠯ ᠢ ᠨᠢᠭᠡᠳᠬᠡᠬᠦ︾ | ᠭᠡᠳᠡᠭ ᠪᠣᠯ᠄ ᠠᠵᠣ ᠠᠬᠤᠶᠢᠯᠠᠯ ᠤᠨ ᠲᠡᠰ ᠲᠠᠷᠠᠭᠠᠯᠠᠨ ᠭᠤᠶᠣᠪᠴᠢᠯᠠᠭᠰᠠᠨ ᠣᠶᠢᠯᠠᠳᠪᠦᠷᠢ ᠬᠤᠳᠠᠯᠳᠣᠭᠠᠨ ᠤ ᠡᠵᠡᠩᠨᠡᠯᠳᠠ ᠶᠢᠨ ᠭᠡᠷᠡᠴᠢ᠂ ᠵᠣᠬᠢᠶᠠᠨ ᠪᠠᠶᠢᠭᠤᠯᠣᠯᠳᠠ | ᠶᠢᠨ ᠪᠠᠶᠢᠭᠤᠯᠣᠮᠵᠢ ᠶᠢᠨ ᠣᠷᠣᠯᠠᠬᠤ ᠳ᠋ᠣᠭᠠᠷ ᠤᠨ ᠦᠨᠡᠮᠯᠠᠯ ᠪᠠ ᠭᠠᠶᠢᠯᠢ ᠶᠢᠨ ᠶᠠᠪᠣᠳᠠᠯ ᠤᠨ ᠲᠠᠩᠰᠠᠯᠠᠯᠳᠠ ᠶᠢᠨ ᠦᠨᠡᠮᠯᠠᠯ ᠵᠡᠷᠭᠡ ᠭᠤᠷᠪᠠᠨ ᠦᠨᠡᠮᠯᠠᠯ ᠢ ᠨᠢᠭᠡᠳᠬᠡᠵᠣ | ᠵᠠᠬ᠎ᠠ ᠲᠡᠯᠭᠡᠭᠦᠷ ᠤᠨ ᠵᠦᠪᠰᠢᠶᠡᠷᠡᠯ ᠤᠨ ᠦᠷ᠎ᠡ ᠠᠰᠢᠭ ᠢ ᠲᠡᠭᠡᠭᠰᠢᠯᠡᠬᠦᠯᠬᠦ︔ ︽ᠨᠢᠭᠡ ᠥᠨᠡᠮᠯᠡᠯ ᠨᠢᠭᠡ ᠳ᠋ᠤᠭᠠᠷᠯᠠᠯ ᠪᠤᠯᠭᠠᠬᠤ︾ ᠭᠡᠳᠡᠭ ᠪᠤᠯ᠄ ᠭᠤᠷᠪᠠᠨ ᠥᠨᠡᠮᠯᠡᠯ | ᠢ ᠨᠢᠭᠡᠳᠭᠡᠭᠰᠡᠨ ᠰᠠᠭᠤᠷᠢᠨ ᠲᠡᠭᠡᠷ᠎ᠡ ᠨᠢᠭᠡ ᠰᠠᠯᠠᠭ᠎ᠠ ᠮᠥᠴᠢᠷ ᠤᠨ ᠬᠠᠷᠭᠤᠭᠤᠯᠤᠯᠳᠠ ᠬᠢᠨᠠᠯᠳᠠ ᠪᠠᠷ ᠨᠢᠭᠡᠳᠥᠯᠳᠡᠢ ᠳ᠋ᠤᠭᠠᠷᠯᠠᠯ ᠪᠥᠭᠦᠢ ᠡᠵᠡᠩᠨᠡᠯᠳᠡ ᠶᠢᠨ ᠭᠡᠷᠡᠴᠢ | ᠭᠠᠷᠭᠠᠵᠤ᠂ ᠭᠤᠶᠤᠪᠴᠢᠯᠠᠭᠴᠢ ᠡᠳᠡᠭᠡᠳ ᠲᠤᠰ ᠡᠵᠡᠩᠨᠡᠯᠳᠡ ᠶᠢᠨ ᠭᠡᠷᠡᠴᠢ ᠪᠠᠷ ᠬᠠᠮᠢᠶ᠎ᠠ ᠪᠥᠭᠦᠢ ᠰᠠᠯᠠᠭ᠎ᠠ ᠮᠥᠴᠢᠷ ᠲᠤ ᠵᠥᠪᠰᠢᠶᠡᠷᠡᠯ ᠬᠢᠯᠭᠡᠵᠥ᠂ ᠡᠯ᠎ᠡ ᠲᠥᠷᠥᠯ | ᠤᠨ ᠭᠠᠷᠳᠠᠮ ᠢᠶᠠᠨ ᠭᠥᠢᠴᠡᠳᠭᠡᠵᠥ ᠪᠤᠯᠬᠤ ᠪᠤᠯᠤᠭᠰᠠᠨ ᠢ ᠭᠡᠯᠡᠵᠥ ᠪᠤᠢ᠃ | 5. ᠪᠠᠶᠢᠭᠠᠯᠢ ᠶᠢᠨ ᠡᠬᠢ ᠰᠤᠷᠪᠤᠯᠵᠢ ᠶᠢᠨ ᠬᠤᠷᠣᠭᠳᠠᠯ ᠤᠨ ᠬᠢᠨᠠᠯᠳᠠ ᠶᠢᠨ ᠲᠣᠭᠳᠠᠴᠠ᠄ ᠨᠢᠭᠡ ᠭᠠᠵᠠᠷ ᠣᠷᠣᠨ ᠤ ᠬᠡᠰᠡᠭ ᠬᠤᠭᠤᠴᠠᠭᠠᠨ ᠳᠤ ᠡᠵᠡᠮᠰᠢᠨ | ᠪᠦᠬᠦᠢ ᠪᠠᠶᠢᠭᠠᠯᠢ ᠶᠢᠨ ᠡᠬᠢ ᠰᠣᠷᠪᠣᠯᠵᠢ ᠶᠢᠨ ᠶᠡᠷᠦᠩᠬᠡᠢ ᠦᠷᠳᠡᠭ ᠬᠡᠮᠵᠢᠶ᠎ᠠ ᠪᠠ ᠪᠠᠶᠢᠭᠠᠯᠢ ᠶᠢᠨ ᠡᠬᠢ ᠰᠣᠷᠪᠣᠯᠵᠢ ᠶᠢ ᠵᠣᠬᠢᠬᠤ ᠲᠣᠭᠳᠠᠭᠠᠯ ᠲᠦᠪᠰᠢᠨ ᠳᠤ | ᠪᠠᠳᠣᠯᠠᠬᠤ ᠦᠷᠳᠡᠭ ︵ᠬᠤᠷᠣᠭᠳᠠᠯ︶ ᠤᠨ ᠮᠡᠳᠡᠭᠦᠯᠦᠯᠳᠠ᠃ 2015 ᠣᠨ ᠳᠤ ᠮᠠᠨ ᠤ ᠬᠤᠰᠢᠭᠤ ᠪᠦᠬᠦ ᠬᠤᠳᠠ ᠶᠢᠨ ᠠᠮᠢ ᠠᠬᠤᠢ ᠶᠢᠨ ᠲᠦᠷᠢᠮ ᠤᠨ | ᠪᠠᠶᠢᠭᠤᠯᠣᠯᠳᠠ ᠶᠢᠨ ᠦᠭᠡᠷᠡᠴᠢᠯᠡᠯᠳᠠ ᠶᠢᠨ ᠴᠡᠭ ᠢᠶᠠᠷ ᠲᠣᠭᠳᠠᠭᠠᠭᠳᠠᠪᠠ᠃ | 6. ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ᠄ ᠡᠷᠬᠡ ᠮᠡᠳᠡᠭᠴᠢ ᠪᠣᠶᠣ ᠠᠰᠢᠭ ᠬᠤᠣᠷ ᠤᠨ ᠬᠠᠷᠢᠴᠠᠭᠠᠨ ᠤ ᠬᠦᠮᠦᠨ ᠠᠴᠠ᠂ ᠣᠯᠣᠰ ᠤᠨ ᠲᠣᠰᠬᠠᠢ | ᠲᠣᠰᠢᠶᠠᠯᠳᠦ ᠰᠠᠯᠠᠭ᠎ᠠ ᠮᠦᠴᠢᠷ ᠢᠶᠠᠷ ᠦᠯᠦ ᠬᠦᠳᠡᠯᠬᠦ ᠬᠦᠷᠦᠩᠭᠡ ᠶᠢᠨ ᠪᠣᠳᠠᠰ ᠤᠨ ᠡᠷᠭᠡ ᠪᠣᠯᠣᠨ ᠬᠤᠯᠪᠣᠭᠳᠠᠯ ᠪᠦᠬᠦᠢ ᠬᠤᠪᠢᠷᠠᠭᠤᠯᠣᠯᠳᠠ ᠶᠢᠨ ᠵᠣᠶᠢᠯᠠᠰ ᠢ | ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠡᠪᠳᠡᠷ ᠲᠤ ᠪᠢᠴᠢᠭᠦᠯᠡᠨ ᠣᠷᠣᠭᠤᠯᠬᠤ ᠪᠠᠷ ᠭᠤᠶᠤᠪᠴᠢᠯᠠᠬᠤ ᠶᠢ ᠵᠢᠭᠠᠵᠣ ᠪᠣᠢ᠃ | 7. ᠦᠭᠭᠢᠶᠡᠮᠦᠷ ᠨᠠᠶᠢᠷᠠᠮᠳᠠᠭᠤ ᠲᠠᠯ᠎ᠠ ᠨᠣᠳᠤᠭ᠂ ᠦᠵᠡᠰᠭᠦᠯᠡᠩᠳᠦ ᠰᠠᠶᠢᠬᠠᠨ ᠡᠮᠦᠨᠡᠳᠦ ᠣᠳᠤᠭ᠄ ᠬᠤᠰᠢᠭᠤ ᠨᠠᠮ ᠤᠨ ᠬᠤᠷᠢᠶᠠᠨ ᠠᠴᠠ ᠪᠥᠭᠦ ᠬᠤᠰᠢᠭᠤᠨ ᠤ | ᠬᠡᠪᠴᠢᠶᠡᠨ ᠳᠤ ᠬᠡᠷᠡᠭᠵᠢᠭᠦᠯᠵᠣ ᠪᠠᠶᠢᠭ᠎ᠠ ᠨᠡᠶᠢᠭᠡᠮ ᠤᠨ ᠶᠡᠷᠥᠩᠭᠡᠶᠢᠯᠡᠭᠰᠡᠨ ᠵᠠᠰᠠᠯᠳᠠ ᠶᠢᠨ ᠢᠨᠵᠧᠨᠧᠷᠢᠩ᠃ ︽ᠦᠭᠭᠢᠶᠡᠮᠦᠷ᠂ ᠨᠠᠶᠢᠷᠠᠮᠳᠠᠭᠤ᠂ ᠦᠵᠡᠰᠭᠦᠯᠡᠩᠳᠦ︾ | ᠪᠠᠷ ᠭᠤᠣᠯ ᠰᠡᠳᠦᠪ ᠪᠣᠯᠭᠠᠨ᠂ ︽ᠶᠣᠰᠣ ᠰᠣᠷᠳᠠᠬᠤᠨ ᠢᠶᠠᠷ ᠵᠠᠰᠠᠬᠤ᠂ ᠦᠪᠡᠷᠳᠡᠭᠡᠨ ᠵᠠᠰᠠᠬᠤ᠂ ᠬᠠᠮᠳᠦ ᠪᠠᠷ ᠵᠠᠰᠠᠬᠤ᠂ ᠬᠠᠣᠯᠢ ᠪᠠᠷ ᠵᠠᠰᠠᠬᠤ︾ ᠲᠦᠷᠪᠡᠨ | ᠲᠣᠭᠳᠠᠯᠴᠠᠭ᠎ᠠ ᠶᠢ ᠪᠦᠷᠢᠳᠦᠭᠦᠯᠦᠨ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠣᠯᠠᠨ ᠢ ᠵᠢᠯᠣᠭᠤᠳᠣᠨ ᠲᠠᠶᠢᠴᠢᠯᠠᠵᠣ ᠮᠤᠷᠠᠯ ᠪᠤᠯᠪᠠᠰᠤᠷᠠᠯ ᠲᠠᠢ᠂ | ᠥᠨᠡᠨᠴᠢ ᠢᠳᠡᠭᠡᠮᠵᠢ ᠲᠠᠢ᠂ ᠭᠥᠭᠵᠢᠯ ᠲᠠᠪᠰᠢᠯ ᠲᠠᠢ ᠰᠠᠶᠢᠬᠠᠨ ᠰᠤᠷᠳᠠᠯ ᠢ ᠰᠤᠷᠳᠠᠯᠴᠢᠯᠠᠨ ᠲᠡᠭᠡᠳᠥᠯᠡᠭᠦᠯᠵᠥ᠂ ᠣᠳᠤᠭ ᠤᠨ ᠡᠮᠦᠨᠡᠳᠦ ᠬᠤᠰᠢᠭᠤ ᠪᠠᠨ ᠬᠦᠭᠵᠢᠯᠳᠠ | ᠲᠠᠪᠰᠢᠯᠳᠠ ᠦᠷᠨᠢᠬᠦᠨ᠂ ᠣᠷᠴᠢᠨ ᠲᠣᠭᠤᠷᠢᠨ ᠵᠣᠬᠢᠴᠠᠭᠤᠨ᠂ ᠡᠮᠬᠢ ᠲᠢᠭᠯᠢᠮ ᠲᠣᠭᠳᠠᠭᠤᠨ᠂ ᠰᠣᠶᠣᠯ ᠢᠷᠭᠡᠨᠰᠢᠯ ᠦᠪᠯᠡᠬᠦᠨ᠂ ᠰᠣᠷᠳᠠᠯ ᠬᠡᠪᠰᠢᠯ ᠲᠦᠪᠯᠡᠭᠦᠨ | ᠦᠵᠡᠰᠭᠦᠯᠡᠩᠳᠦ ᠰᠠᠶᠢᠬᠠᠨ ᠨᠣᠳᠤᠭ ᠣᠷᠣᠨ ᠪᠣᠯᠭᠠᠨ ᠴᠣᠭᠴᠠᠯᠠᠬᠤ ᠠᠵᠢᠯᠯᠠᠭ᠎ᠠ᠃ | 8. ᠭᠤᠷᠪᠠᠨ ᠲᠠᠭᠠᠳᠬᠠᠯ ᠢ ᠨᠢᠭᠡᠳᠭᠡᠭᠦ᠄ ᠬᠤᠳᠠ ᠪᠠᠯᠭᠠᠰᠤᠨ ᠤ ᠠᠵᠢᠯᠳᠠᠤᠨ ᠤᠨ ᠥᠨᠳᠥᠰᠥᠨ ᠡᠮ ᠡᠮᠨᠡᠯᠭᠡ ᠶᠢᠨ ᠲᠠᠭᠠᠳᠬᠠᠯ᠂ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠥᠨᠳᠥᠰᠥᠨ ᠡᠮ ᠡᠮᠨᠡᠯᠭᠡ ᠶᠢᠨ ᠲᠠᠭᠠᠳᠬᠠᠯ ᠪᠤᠯᠤᠨ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ | ᠶᠢᠨ ᠲᠠᠭᠠᠳᠬᠠᠯ ᠢ ᠨᠢᠭᠡᠳᠥᠯᠳᠡᠢ ᠬᠦᠢᠴᠡᠤᠨᠬᠡᠬᠦ ᠬᠠᠮᠢᠶᠠᠷᠤᠯᠳᠠ ᠶᠢ ᠵᠢᠭᠠᠵᠤ ᠪᠤᠢ᠃ | 9.《 ᠭᠤᠷᠪᠠᠨ ᠠᠯᠪᠠᠨ 》 ᠵᠠᠷᠣᠳᠠᠯ᠄ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠠᠵᠢᠯᠳᠠᠳ ᠤᠨ ᠠᠯᠪᠠᠨ ᠵᠠᠷᠣᠳᠠᠯ ᠢᠶᠠᠷ ᠭᠠᠳᠠᠭᠠᠳᠦ ᠳᠤ ᠭᠠᠷᠬᠤ᠂ | ᠠᠯᠪᠠᠨ ᠲᠡᠷᠭᠡ ᠬᠤᠳᠠᠯᠳᠣᠨ ᠠᠪᠬᠤ ᠵᠢᠴᠢ ᠠᠷᠠᠴᠢᠯᠠᠬᠤ ᠵᠠᠷᠣᠳᠠᠯ᠂ ᠠᠯᠪᠠᠨ ᠤ ᠬᠦᠯᠢᠶᠠᠨ ᠵᠣᠴᠢᠯᠠᠭ᠎ᠠ ᠳᠤ ᠭᠡᠷᠡᠭᠯᠡᠭᠦ ᠵᠠᠷᠣᠳᠠᠯ ᠢ ᠵᠢᠭᠠᠨ᠎ᠠ᠃ | 10. ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ᠄ ᠬᠠᠩᠭᠠᠯᠭ᠎ᠠ ᠬᠢᠬᠡᠳ ᠣᠶᠢᠯᠠᠳᠪᠦᠷᠢᠯᠠᠯ ᠤᠨ ᠭᠤᠭᠴᠤᠭ᠎ᠠ ᠠᠴᠠ ᠭᠠᠷᠳᠠᠵᠣ | ᠬᠤᠴᠣᠷᠣᠩᠭᠤᠢ ᠣᠶᠢᠯᠠᠳᠪᠦᠷᠯᠠᠯ ᠤᠨ ᠴᠢᠳᠠᠮᠵᠢ ᠶᠢ ᠲᠠᠶᠠᠭᠳᠠᠨ᠂ ᠬᠦᠭᠵᠢᠯᠳᠠ ᠶᠢᠨ ᠴᠢᠭᠯᠡᠯ ᠢᠶᠠᠨ ᠰᠢᠨ᠎ᠠ ᠮᠠᠨᠳᠣᠭᠰᠠᠨ ᠬᠦᠷᠢᠶ᠎ᠠ ᠴᠠᠷᠠᠭ᠎ᠠ ᠣᠷᠣᠭᠤ ᠬᠠᠨᠳᠦᠭᠤᠯᠵᠣ | ᠂ ᠠᠵᠣ ᠠᠬᠤᠢ ᠶᠢᠨ ᠰᠢᠨ᠎ᠡ ᠨᠡᠮᠡᠭᠳᠡᠯ ᠢ ᠪᠣᠢ ᠪᠣᠯᠭᠠᠨ᠂ ᠨᠡᠶᠢᠭᠡᠮ ᠤᠨ ᠬᠠᠩᠭᠠᠯᠭ᠎ᠠ ᠶᠢ ᠲᠡᠭᠡᠭᠰᠢᠯᠡᠬᠦᠯᠬᠦ ᠪᠠᠷ ᠲᠠᠮᠵᠢᠭᠤᠯᠣᠨ ᠠᠵᠣ ᠠᠬᠤᠢ ᠪᠠᠨ ᠦᠭᠡᠳᠡᠯᠡᠬᠦᠯᠬᠦ | ᠦᠭᠡᠷᠡᠴᠢᠯᠠᠯᠳᠠ ᠶᠢ ᠵᠢᠭᠠᠵᠣ ᠪᠣᠢ᠃ | 11. ︽ᠢᠨᠲ᠋ᠧᠷ ᠰᠦᠯᠵᠢᠶ᠎ᠠ +︾᠄ ︽ᠢᠨᠲ᠋ᠧᠷ ᠰᠦᠯᠵᠢᠶ᠎ᠠ + ᠣᠯᠠᠮᠵᠢᠯᠠᠯᠳᠦ ᠡᠯ᠎ᠡ ᠠᠵᠢᠯ ᠲᠦᠷᠦᠯ︾ ᠤᠨ ᠬᠡᠯᠪᠡᠷᠢ ᠲᠦᠯᠦᠪ ᠢ ᠵᠢᠭᠠᠵᠣ ᠪᠣᠢ᠃ | ᠴᠢᠮᠡᠭᠡ ᠨᠡᠪᠳᠠᠷᠡᠯᠴᠡᠭᠡᠨ ᠤ ᠮᠡᠷᠭᠡᠵᠢᠯ ᠪᠣᠯᠣᠨᠢᠨᠲ᠋ᠧᠷ ᠰᠦᠯᠵᠢᠶᠠᠨ ᠳᠡᠪᠴᠠᠩ ᠢ ᠠᠰᠢᠭᠯᠠᠵᠣ ᠢᠨᠲ᠋ᠧᠷ ᠰᠦᠯᠵᠢᠶ᠎ᠠ ᠬᠢᠭᠡᠳ ᠣᠯᠠᠮᠵᠢᠯᠠᠯᠳᠦ ᠠᠵᠢᠯ ᠲᠦᠷᠦᠯ ᠢ | ᠭᠦᠨᠵᠡᠭᠡᠢ ᠠᠭᠤᠰᠣᠯᠴᠠᠭᠤᠯᠣᠨ ᠰᠢᠨ᠎ᠠ ᠬᠦᠭᠵᠢᠯᠳᠠ ᠶᠢᠨ ᠲᠣᠭᠳᠠᠴᠠ ᠪᠦᠷᠢᠳᠦᠬᠦᠯᠬᠦ᠃ | 12. ᠲᠠᠪᠣᠨ ᠶᠡᠭᠡ ᠲᠦᠷᠦ ᠶᠢᠨ ᠪᠣᠳᠣᠯᠭ᠎ᠠ ᠶᠢᠨ ᠲᠣᠯᠭᠠᠭᠤᠷᠢᠯᠠᠯ᠄ 2015 ᠣᠨ ᠤ 12 ᠰᠠᠷ᠎ᠠ ᠳᠤ ᠲᠦᠪ ᠤᠨ ᠠᠵᠣ ᠠᠬᠤᠢ ᠶᠢᠨ ᠠᠵᠢᠯ ᠤᠨ | ᠬᠤᠷᠠᠯᠳᠣᠭᠠᠨ ᠲᠡᠭᠡᠷ᠎ᠡ ᠲᠣᠷᠠᠳᠣᠨ ᠭᠠᠷᠭᠠᠭᠰᠠᠨ ᠬᠤᠷᠸ᠎ᠠ ᠲᠣᠬᠢᠷᠠᠭᠤᠯᠣᠯ ᠤᠨ ᠲᠦᠷᠦ ᠶᠢᠨ ᠪᠣᠳᠣᠯᠭ᠎ᠠ ᠶᠢ ᠲᠣᠭᠳᠠᠭᠤᠨ᠂ ᠠᠵᠣ ᠣᠶᠢᠯᠠᠰ ᠤᠨ ᠲᠦᠷᠦ ᠶᠢᠨ | ᠪᠣᠳᠣᠯᠭ᠎ᠠ ᠶᠢ ᠣᠨᠣᠪᠴᠢᠳᠠᠢ᠂ ᠬᠤᠮᠠᠬᠢ ᠲᠣᠭᠢᠷᠠᠭᠤᠯᠣᠯ ᠤᠨ ᠲᠦᠷᠦ ᠶᠢᠨ ᠪᠣᠳᠣᠯᠭ᠎ᠠ ᠶᠢ ᠠᠮᠢᠳᠣᠯᠢᠭ᠂ ᠦᠭᠡᠷᠡᠴᠢᠯᠡᠯᠳᠠ ᠶᠢᠨ ᠲᠦᠷᠦ ᠶᠢᠨ ᠪᠣᠳᠣᠯᠭ᠎ᠠ ᠶᠢ | ᠪᠣᠳᠠᠳᠠᠢ᠂ ᠨᠡᠶᠢᠭᠡᠮ ᠤᠨ ᠲᠦᠷᠦ ᠶᠢᠨ ᠪᠣᠳᠣᠯᠭ᠎ᠠ ᠶᠢ ᠲᠦᠰᠢᠭᠳᠡᠢ ᠪᠠᠶᠢᠯᠭᠠᠬᠤ ᠲᠠᠪᠤᠨ ᠶᠡᠭᠡ ᠲᠤᠯᠭᠠᠭᠤᠷᠢᠯᠠᠯ᠃ | 13. ᠲᠠᠪᠣᠨ ᠶᠡᠭᠡ ᠡᠭᠦᠷᠭᠡ᠄ 2015 ᠣᠨ ᠤ 12 ᠰᠠᠷ᠎ᠠ ᠳᠤ ᠲᠦᠪ ᠤᠨ ᠠᠵᠣ ᠠᠬᠤᠢ ᠶᠢᠨ ᠠᠵᠢᠯ ᠤᠨ ᠬᠤᠷᠠᠯᠳᠣᠭᠠᠨ ᠲᠡᠭᠡᠷ᠎ᠡ ᠲᠣᠷᠠᠳᠣᠨ | ᠭᠠᠷᠭᠠᠭᠰᠠᠨ ᠭᠠᠷᠣᠯᠳᠠ ᠶᠢ ᠴᠣᠮᠬᠠᠳᠬᠠᠬᠤ᠂ ᠬᠦᠷᠦᠩᠭᠡ ᠶᠢ ᠠᠰᠢᠭᠯᠠᠬᠤ᠂ ᠪᠣᠭᠤᠮᠢ ᠶᠢ ᠴᠢᠯᠦᠭᠡᠵᠢᠬᠦᠯᠬᠦ᠂ ᠦᠪᠡᠷ ᠤᠨ ᠦᠷᠳᠡᠭ ᠢ ᠪᠠᠭᠤᠷᠠᠭᠤᠯᠬᠤ᠂ ᠲᠣᠳᠠᠭᠳᠠᠯ | ᠢ ᠨᠦᠬᠦᠬᠦ ᠲᠠᠪᠣᠨ ᠶᠡᠭᠡ ᠡᠭᠦᠷᠬᠡ᠃ | 14. ᠨᠡᠭᠦᠷᠡᠰᠦ ᠴᠠᠬᠢᠯᠭᠠᠨ ᠬᠤᠯᠪᠣᠭᠠᠯᠠᠨ ᠡᠷᠬᠢᠯᠡᠬᠦ᠂ ᠨᠡᠭᠦᠷᠡᠰᠣᠨ ᠠᠵᠣ ᠠᠬᠤᠶᠢᠯᠠᠯ ᠬᠤᠯᠪᠣᠭᠠᠯᠠᠨ ᠡᠵᠡᠩᠨᠡᠬᠦ᠄ ᠠᠭᠤᠷᠬᠠᠢ ᠶᠢᠨ ᠤᠷᠤᠨ ᠳᠤ ᠨᠡᠭᠦᠷᠡᠰᠥᠨ | ᠠᠭᠤᠷᠬᠠᠢ ᠪᠤᠯᠤᠨ ᠴᠠᠬᠢᠯᠭᠠᠨ ᠥᠢᠯᠡᠳᠪᠥᠷᠢ ᠶᠢ ᠨᠢᠭᠡᠳᠥᠯᠳᠡᠢ ᠲᠥᠯᠥᠪᠵᠢᠭᠦᠯᠥᠨ ᠴᠤᠭ ᠪᠠᠶᠢᠭᠤᠯᠬᠤ ᠪᠥᠭᠡᠳ ᠲᠤᠰ ᠬᠤᠶᠠᠷ ᠲᠥᠷᠥᠯ ᠤᠨ ᠠᠵᠤ ᠠᠬᠤᠶᠢᠯᠠᠯ ᠢ | ᠬᠠᠮᠳᠤ ᠡᠵᠡᠩᠨᠡᠵᠥ᠂ ᠶᠡᠷᠥᠩᠭᠡᠶᠢᠯᠡᠭᠰᠡᠨ ᠴᠢᠨᠠᠷᠳᠤ ᠬᠠᠮᠤᠭ ᠤᠬᠢ ᠠᠰᠢᠭ ᠤᠷᠤᠯᠭ᠎ᠠ ᠶᠢᠨ ᠬᠤᠯᠪᠤᠭᠠᠳᠤ ᠡᠵᠡᠩᠨᠡᠯᠳᠡ ᠬᠢᠭᠦ ᠵᠠᠭᠪᠤᠷ ᠮᠠᠶ᠋ᠢᠭ᠃ | 15. ᠬᠤᠶᠠᠷ ᠥᠮᠡᠨ᠄ ᠭᠥᠭᠦᠨ ᠪᠤᠯᠴᠢᠷᠬᠠᠢ ᠶᠢᠨ ᠥᠮᠡᠨ ᠪᠤᠯᠤᠨ ᠰᠠᠪᠠᠨ ᠭᠥᠵᠥᠭᠦᠨ ᠥᠮᠡᠨ ᠃ | 16. ᠮᠠᠯ ᠲᠠᠷᠢᠶᠠᠯᠠᠩ ᠤᠨ ᠪᠦᠳᠦᠭᠳᠡᠭᠦᠨ ᠤ ᠡᠬᠢ ᠶᠢ ᠭᠡᠳᠡᠷᠬᠦ ᠨᠡᠭᠡᠮᠵᠢᠯᠡᠬᠦ ᠰᠢᠰᠲ᠋ᠧᠮ᠄ ᠮᠠᠯ ᠲᠠᠷᠢᠶᠠᠯᠠᠩ ᠤᠨ ᠪᠦᠳᠤᠬᠡᠭᠳᠡᠬᠦᠨ ᠤ ᠲᠠᠷᠢᠵᠤ ᠲᠡᠵᠢᠭᠡᠬᠦ᠂ | ᠪᠣᠯᠪᠠᠰᠣᠷᠠᠭᠤᠯᠬᠤ᠂ ᠭᠥᠢᠯᠭᠡᠭᠡᠯᠡᠭᠦ ᠪᠣᠯᠣᠨ ᠭᠡᠷᠡᠭᠯᠡᠭᠦ ᠡᠯ᠎ᠡ ᠭᠤᠭᠴᠤᠭ᠎ᠠ ᠶᠢ ᠰᠢᠰᠲ᠋ᠧᠮᠵᠢᠭᠦᠯᠥᠨ ᠴᠤᠭᠴᠠᠵᠢᠭᠤᠯᠤᠭᠰᠠᠨ ︽ᠰᠠᠨᠠᠭ᠎ᠠ ᠠᠮᠤᠷ ᠭᠡᠷᠡᠭᠯᠡᠭᠡ︾ ᠳᠤ | ᠥᠢᠯᠡᠴᠢᠯᠡᠭᠰᠡᠨ ᠮᠡᠳᠡᠭᠡ ᠵᠠᠩᠬᠢᠴᠢᠯᠠᠯᠳᠠ ᠶᠢᠨ ᠬᠠᠮᠢᠶᠠᠷᠣᠯᠳᠠ ᠶᠢᠨ ᠰᠢᠰᠲ᠋ᠧᠮ᠃ | 17. ᠮᠠᠯ ᠲᠠᠷᠢᠶᠠᠨ ᠤ ᠠᠰᠢᠭ ᠰᠢᠮ᠎ᠡ ᠶᠢᠨ ᠭᠠᠵᠠᠷ ᠵᠦᠢ ᠶᠢᠨ ᠢᠯᠡᠳᠬᠡᠯ ᠲᠠᠩᠰᠠᠯᠠᠯᠳᠠ᠄ ᠮᠠᠨ ᠤ ᠬᠤᠰᠢᠭᠤᠨ ᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠳᠦᠭᠡᠭᠳᠡᠬᠦᠨ ᠬᠤᠰᠢᠭᠤ ᠨᠣᠳᠤᠭ ᠤᠨ ᠬᠡᠪᠴᠢᠶᠠᠨ ᠳᠠᠬᠢ ᠪᠠᠶᠢᠭᠠᠯᠢ ᠶᠢᠨ ᠠᠨᠢᠰᠦ ᠵᠡᠷᠭᠡ ᠪᠡᠶᠡᠳᠦ ᠰᠢᠯᠳᠠᠭᠠᠨ ᠠᠴᠠ ᠰᠢᠯᠳᠠᠭᠠᠯᠠᠵᠣ᠂ ᠠᠮᠳᠠ ᠰᠢᠮᠳᠠ ᠴᠢᠨᠠᠷ | ᠴᠢᠨᠰᠠᠭ᠎ᠠ ᠨᠡᠷ᠎ᠡ ᠠᠯᠳᠠᠷᠰᠢᠯ ᠣᠬᠢ ᠰᠠᠶᠢᠨ ᠪᠣᠯᠵᠣ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠦᠨᠳᠦᠷ ᠦᠨᠡᠯᠡᠭᠳᠡᠳᠡᠭ ᠪᠣᠯᠣᠭᠰᠠᠨ ᠣᠨᠴᠠᠯᠢᠭ ᠰᠢᠨᠵᠢ᠃ | 18. ᠳᠠᠷᠢᠶᠠᠴᠢᠤᠨ ᠴᠢᠯᠤᠬᠡᠳᠤ ᠳᠡᠯᠬᠡᠬᠦᠷ ᠤᠨ ᠬᠠᠮᠳᠤᠷᠠᠯᠴᠠᠭ᠎ᠠ᠂ ᠳᠠᠷᠢᠶᠠᠴᠢᠤᠨ ᠨᠠᠶᠢᠬᠡᠮ ᠳᠤᠭᠤᠷᠢᠭ ᠤᠨ ᠬᠠᠮᠳᠤᠷᠠᠯᠴᠠᠭ᠎ᠠ ᠄ ᠮᠠᠯᠴᠢᠨ ᠲᠠᠷᠢᠶᠠᠴᠢᠳ | ᠴᠢᠯᠦᠭᠡᠳᠦ ᠲᠡᠯᠭᠡᠭᠦᠷ ᠪᠣᠯᠣᠨ ᠨᠠᠶᠢᠭᠡᠮ ᠲᠣᠭᠤᠷᠢᠭ ᠯᠤᠭ᠎ᠠ ᠵᠠᠬᠢᠶᠠᠯᠠᠭ᠎ᠠ ᠶᠢᠨ ᠬᠡᠯᠪᠡᠷᠢ ᠪᠠᠷ ᠪᠣᠷᠣᠯᠠᠭᠤᠯᠭ᠎ᠠ ᠶᠢᠨ ᠠᠵᠢᠯ ᠢ ᠪᠦᠳᠦᠮᠵᠢᠳᠠᠢ ᠠᠵᠢᠯᠯᠠᠭᠠᠭᠤᠯᠬᠤ | ᠣᠶᠢᠯᠠᠳᠪᠦᠷᠢᠯᠠᠯ ᠪᠣᠷᠣᠯᠠᠭᠤᠯᠭ᠎ᠠ ᠶᠢᠨ ᠴᠣᠭᠴᠠᠵᠢᠭᠰᠠᠨ ᠠᠷᠭ᠎ᠠ ᠪᠠᠷᠢᠯ᠃ ᠡᠨᠡ ᠨᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠰᠠᠶᠢᠨ ᠴᠢᠨᠠᠷ ᠦᠨᠳᠦᠷ ᠦᠨ᠎ᠠ ᠶᠢ | ᠪᠠᠳᠣᠯᠠᠳᠠᠭ᠃ | 19. ᠵᠢᠭᠤᠯᠴᠢᠯᠠᠯ ᠤᠨ ᠣᠶᠢᠯᠡᠴᠢᠯᠡᠯ ᠦᠷᠳᠡᠭᠡ᠄ ᠵᠢᠭᠤᠯᠴᠢᠳ ᠲᠤ ᠵᠢᠭᠤᠯᠴᠢᠯᠠᠯ ᠤᠨ ᠴᠢᠮᠡᠭᠡ ᠯᠠᠪᠯᠠᠯᠳᠠ᠂ ᠰᠣᠷᠢᠯᠳᠠ ᠦᠵᠡᠭᠦᠯᠣᠯᠭᠡ ᠲᠠᠸᠠᠷ | ᠪᠣᠷᠣᠯᠠᠭᠤᠯᠭ᠎ᠠ ᠪᠣᠯᠣᠨ ᠠᠮᠠᠷᠠᠯᠳᠠ ᠠᠮᠦᠰᠬᠢᠯ ᠵᠡᠷᠭᠡ ᠣᠶᠢᠯᠠᠴᠢᠯᠡᠭᠡ ᠶᠢ ᠲᠦᠪᠯᠡᠷᠡᠩᠭᠦᠢ ᠬᠠᠩᠭᠠᠳᠠᠭ ᠣᠶᠢᠯᠡᠴᠢᠯᠡᠯ ᠦᠷᠳᠡᠭᠡ᠃ | 20. ︽ᠬᠤᠤᠰ ᠪᠥᠳᠥᠭᠡᠯᠳᠡ︾ ᠶᠢᠨ ᠰᠠᠭᠤᠷᠢᠨ᠄ ᠲᠥᠮᠡᠨ ᠤᠯᠠᠨ ᠥᠢᠯᠡᠰ ᠪᠥᠳᠥᠭᠡᠵᠥ᠂ ᠲᠠᠶᠠᠭᠠᠷ ᠪᠥᠭᠦᠳᠡ ᠰᠢᠨᠡᠴᠢᠯᠡᠯᠳᠡ ᠬᠢᠭᠦ ᠳᠤ ᠵᠤᠷᠢᠭᠤᠯᠤᠭᠰᠠᠨ | ᠠᠵᠢᠯ ᠤᠨ ᠲᠠᠪᠴᠠᠩ᠃ | 21. ︽3S︾ ᠮᠡᠷᠭᠡᠵᠢᠯ᠄ RS ︵ᠲᠠᠭᠠᠭᠤᠯᠢ ᠣᠳᠣᠨ ᠤ ᠠᠯᠣᠰ ᠰᠠᠷᠠᠯ ᠤᠨ ᠲᠠᠪᠴᠠᠩ︶᠂ GIS ︵ᠭᠠᠵᠠᠷ ᠤᠨ ᠭᠠᠳᠠᠷᠭᠤ ᠶᠢᠨ ᠴᠢᠮᠡᠭᠡ ᠵᠠᠩᠬᠢ | ᠶᠢᠨ ᠰᠢᠰᠲ᠋ᠧᠮ︶ ᠪᠠ GPS ︵ᠪᠦᠬᠦ ᠪᠦᠮᠪᠦᠷᠴᠡᠭ ᠤᠨ ᠪᠠᠶᠢᠷᠢ ᠲᠣᠭᠳᠠᠭᠠᠯᠳᠠ ᠶᠢᠨ ᠰᠢᠰᠲ᠋ᠧᠮ︶ ᠤᠨ ᠣᠶᠣᠨᠴᠢ ᠰᠢᠰᠲ᠋ᠧᠮ ᠢ ᠶᠡᠷᠦᠩᠬᠡᠶᠢᠯᠡᠨ ᠠᠰᠢᠭᠯᠠᠵᠣ᠂ | ᠨᠣᠳᠤᠭ ᠪᠡᠯᠴᠢᠭᠡᠷ ᠤᠨ ᠠᠮᠢ ᠠᠬᠤᠢ ᠪᠠ ᠣᠷᠭᠤᠮᠠᠯ ᠤᠨ ᠪᠦᠷᠬᠦᠪᠴᠢ ᠳᠤ ᠴᠠᠭ ᠲᠣᠳᠣᠮ ᠤᠨ ᠬᠢᠨᠠᠯᠳᠠ ᠡᠵᠡᠮᠰᠢᠯ ᠬᠢᠬᠦ ᠨᠣᠳᠤᠭ ᠪᠡᠯᠴᠢᠭᠡᠷ ᠤᠨ ᠣᠶᠣᠨᠴᠢᠯᠠᠭᠰᠠᠨ | ᠬᠠᠮᠢᠶᠠᠷᠣᠯᠳᠠ ᠶᠢᠨ ᠠᠷᠭ᠎ᠠ ᠮᠡᠷᠭᠡᠵᠢᠯ᠃ | |