ᠬᠤᠰᠢᠭᠤ  ᠶᠢᠰᠤᠳᠤᠬᠡᠷ  ᠬᠤᠭᠤᠴᠠᠭᠠᠨ  ᠤ ᠠᠷᠠᠤᠨ  ᠤᠨ ᠲᠦᠯᠤᠬᠡᠯᠡᠭᠴᠢᠤᠨ  ᠤᠨ ᠶᠡᠭᠡ  ᠬᠤᠷᠠᠯ  ᠤᠨ  ᠲᠠᠪᠣᠳᠦᠭᠠᠷ  ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2018/6/19
ᠤᠳᠤᠭ ᠤᠨ  ᠡᠮᠤᠨᠡᠳᠤ  ᠬᠤᠰᠢᠭᠤᠨ  ᠤ  2015 ᠤᠨ   ᠤ  ᠤᠯᠤᠰ  ᠠᠷᠠᠤᠨ   ᠤᠨ  ᠠᠵᠤ  ᠠᠬᠤᠢ  ᠪᠤᠯᠤᠨ  ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ   ᠶᠢ  ᠬᠡᠷᠡᠭᠵᠢᠬᠦᠯᠦᠭᠰᠡᠨ ᠪᠠᠶᠢᠳᠠᠯ  ᠬᠢᠬᠡᠤᠨ 2016 ᠤᠨ ᠤ ᠤᠯᠤᠰ  ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ  ᠬᠦᠭᠵᠢᠯᠳᠠ ᠶᠢᠨ ᠲᠦᠯᠤᠪᠯᠡᠭᠡ ᠶᠢᠨ ᠲᠦᠰᠤᠯ ᠤᠨ ᠮᠡᠳᠡᠬᠦᠯᠤᠯᠳᠠ— 2016 ᠤᠨ  1 ᠰᠠᠷ᠎ᠠ   ᠶᠢᠨ 31 ᠤ ᠡᠳᠤᠷ ᠤᠳᠤᠭ ᠤᠨ ᠡᠮᠤᠨᠡᠳᠤ ᠬᠤᠰᠢᠭᠤᠨ  ᠤ  ᠶᠢᠰᠤᠳᠤᠬᠡᠷ  ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ  ᠤᠨ ᠶᠡᠭᠡ ᠬᠤᠷᠠᠯ ᠤᠨ ᠲᠠᠪᠣᠳᠦᠭᠠᠷ ᠬᠤᠷᠠᠯᠳᠤᠭᠠᠨ ᠳᠡᠬᠡᠷ᠎ᠠ      ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠᠲᠦᠯᠤᠬᠡᠯᠡᠭᠴᠢᠤᠨ ᠡ  ᠄ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ 2015 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2016 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠬᠤᠰᠢᠭᠤᠨ ᠤ ᠤᠯᠤᠰ ᠲᠦᠷᠤ  ᠶᠢᠨ ᠵᠦᠪᠯᠡᠯᠬᠡᠨ  ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃    ᠨᠢᠬᠡ᠂ 2015 ᠤᠨ  ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ    2015 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠦᠳᠦ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ ᠪᠦᠬᠦ ᠬᠤᠰᠢᠭᠤ ᠪᠠᠷ ᠢᠶᠠᠨ ᠲᠦᠪ᠂ ᠦᠪᠡᠷᠳᠡᠭᠡᠨ ᠵᠠᠰᠠᠬᠤ ᠣᠷᠣᠨ᠂ ᠪᠦᠬᠦ ᠬᠤᠳᠠ ᠶᠢᠨ ᠡᠯ᠎ᠡ ᠲᠦᠷᠦᠯ ᠤᠨ ᠰᠢᠢᠳᠪᠥᠷᠢ ᠪᠠᠶᠢᠷᠢᠰᠢᠯᠠᠭᠤᠯᠤᠯᠳᠠ ᠶᠢ ᠭᠥᠨᠵᠡᠭᠡᠢ ᠨᠠᠶᠢᠳᠠᠪᠤᠷᠢᠵᠢᠭᠤᠯᠤᠨ᠂ ᠯᠠᠪᠳᠠᠭᠤᠨ  ᠢᠶᠠᠷ ᠣᠷᠣᠭᠰᠢᠯᠠᠵᠣ᠂ ᠠᠵᠣ ᠠᠬᠤᠢ ᠶᠢᠨ ᠬᠦᠭᠵᠢᠯᠳᠠ ᠶᠢᠨ ᠰᠢᠨ᠎ᠡ ᠬᠡᠪ ᠪᠠᠶᠢᠳᠠᠯ ᠲᠤ ᠰᠠᠨᠠᠭᠠᠴᠢᠯᠠᠭ᠎ᠠ ᠲᠠᠢ ᠵᠣᠬᠢᠴᠠᠨ ᠯᠠᠪᠳᠠᠭᠤᠨ ᠨᠡᠮᠡᠭᠳᠡᠯ᠂ ᠦᠭᠡᠷᠡᠴᠢᠯᠡᠯᠳᠠ ᠠᠬᠢᠭᠤᠯᠣᠯ᠂ ᠪᠦᠳᠦᠴᠠ ᠶᠢᠨ ᠲᠣᠬᠢᠷᠠᠭᠤᠯᠣᠯᠳᠠ᠂ ᠠᠷᠠᠳ ᠤᠨ ᠠᠮᠢᠳᠣᠷᠠᠯ ᠳᠤ ᠬᠦᠴᠦᠯᠡᠵᠣ᠂ ᠬᠤᠰᠢᠭᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠢᠶᠠᠷ ᠲᠤᠭᠳᠠᠭᠠᠭᠰᠠᠨ ᠡᠯ᠎ᠡ ᠲᠥᠷᠥᠯ ᠤᠨ ᠬᠠᠷᠠᠯᠳᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠣ᠂ ︽ᠠᠷᠪᠠᠨ ᠬᠤᠶᠠᠳᠦᠭᠠᠷ ᠲᠠᠪᠣᠨ ᠵᠢᠯ︾ ᠤᠨ ᠲᠦᠯᠦᠪᠵᠢᠭᠦᠯᠭᠡ ᠪᠠᠨ ᠠᠮᠵᠢᠯᠳᠠ ᠲᠠᠢ ᠪᠡᠶᠡᠯᠡᠭᠦᠯᠥᠭᠰᠡᠨ ᠪᠠᠶᠢᠨ᠎ᠠ᠃    ︵ᠨᠢᠭᠡ︶ ᠠᠵᠤ ᠠᠬᠤᠢ ᠲᠣᠭᠳᠠᠭᠤᠨ ᠢᠶᠠᠷ ᠨᠡᠮᠡᠭᠳᠡᠵᠣ᠂ ᠭᠥᠭᠵᠢᠯᠳᠡ ᠶᠢᠨ ᠪᠣᠳᠠᠳᠦ ᠣᠯᠠᠮ ᠴᠢᠩᠭᠠᠳᠪᠠ᠃ ᠠᠵᠣ ᠠᠬᠤᠢ ᠲᠣᠮᠳᠠ ᠲᠡᠭᠡᠳᠦ ᠬᠤᠷᠳᠣᠴᠠ  ᠶᠢᠨ ᠨᠡᠮᠡᠭᠳᠡᠯ ᠢᠶᠠᠷ ᠪᠠᠳᠣᠯᠠᠵᠣ᠂ ᠠᠵᠣ ᠠᠬᠤᠢ ᠶᠢᠨ ᠭᠤᠣᠯ ᠵᠢᠭᠠᠯᠳᠠ ᠶᠢᠨ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠳᠡᠷᠢᠬᠦᠨ ᠤ ᠡᠩᠨᠡᠬᠡᠨ ᠳᠤ ᠤᠷᠤᠪᠠ᠃ ᠪᠥᠭᠦ ᠬᠤᠰᠢᠭᠤᠨ ᠤ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 9.7% ᠨᠡᠮᠡᠭᠳᠡᠵᠣ᠂ ᠨᠡᠮᠡᠭᠳᠡᠯ ᠤᠨ ᠬᠤᠷᠳᠣᠴᠠ ᠪᠦᠬᠦ ᠬᠤᠳᠠ ᠳᠤ ᠪᠠᠨ ᠲᠡᠷᠢᠭᠦᠯᠡᠨ᠂ 129 ᠳ᠋ᠥᠩᠰᠢᠭᠤᠷ ᠲᠦᠬᠦᠷᠢᠭ ᠲᠤ ᠬᠦᠷᠪᠡ᠃ ᠡᠭᠦᠨ ᠳᠤ᠂ ᠨᠢᠭᠡᠳᠦᠭᠡᠷ ᠠᠵᠣ ᠣᠶᠢᠯᠠᠰ ᠤᠨ ᠨᠡᠮᠡᠭᠳᠠᠯ ᠦᠷᠳᠡᠭ 3.6% ᠨᠡᠮᠡᠭᠳᠡᠵᠣ᠂ ᠨᠡᠮᠡᠭᠳᠡᠯ ᠦᠷᠳᠡᠭ 11.45 ᠳ᠋ᠥᠩᠰᠢᠭᠤᠷ ᠲᠥᠭᠦᠷᠢᠭ ᠪᠣᠯᠪᠠ︔ ᠬᠤᠶᠠᠳᠦᠭᠠᠷ ᠠᠵᠣ ᠣᠶᠢᠯᠠᠰ 11% ᠨᠡᠮᠡᠭᠳᠡᠵᠣ᠂ ᠨᠡᠮᠡᠭᠳᠠᠯ ᠦᠷᠳᠡᠭ80.18 ᠳ᠋ᠥᠩᠰᠢᠭᠤᠷ ᠲᠦᠬᠦᠷᠢᠭ ᠪᠣᠯᠪᠠ︔ ᠭᠤᠷᠪᠠᠳᠦᠭᠠᠷ ᠠᠵᠣ ᠣᠶᠢᠯᠠᠰ 8.6% ᠨᠡᠮᠡᠭᠳᠡᠵᠣ᠂ ᠨᠡᠮᠡᠭᠳᠡᠯ ᠦᠷᠳᠡᠭ 37.4 ᠳ᠋ᠥᠩᠰᠢᠭᠤᠷ ᠲᠦᠭᠦᠷᠢᠭ ᠪᠣᠯᠪᠠ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 16% ᠨᠡᠮᠡᠭᠳᠡᠵᠣ᠂ ᠨᠡᠮᠡᠭᠳᠡᠯ ᠤᠨ ᠬᠤᠷᠳᠣᠴᠠ ᠪᠦᠬᠦ ᠬᠤᠳᠠ ᠳᠤ ᠪᠠᠨ ᠲᠡᠷᠢᠭᠦᠯᠡᠨ 232 ᠳ᠋ᠥᠩᠰᠢᠭᠤᠷ ᠲᠥᠭᠦᠷᠢᠭ ᠲᠤ ᠬᠦᠷᠪᠡ᠃ ᠨᠡᠶᠢᠳᠡ ᠶᠢᠨ ᠡᠳ᠋ ᠤᠨ ᠵᠠᠰᠠᠭ   ᠤᠨ ᠲᠥᠰᠥᠪ ᠤᠨ ᠤᠷᠤᠯᠭ᠎ᠠ 8.9% ᠨᠡᠮᠡᠭᠳᠡᠵᠣ᠂ ᠨᠡᠮᠡᠭᠳᠡᠯ ᠤᠨ ᠬᠤᠷᠳᠣᠴᠠ ᠪᠦᠬᠦ ᠬᠤᠳᠠ ᠶᠢᠨ ᠬᠤᠶᠠᠳᠦᠭᠠᠷ  ᠲᠤ ᠣᠷᠣᠵᠣ 16 ᠳ᠋ᠥᠩᠰᠢᠭᠤᠷ ᠲᠥᠭᠦᠷᠢᠭ ᠬᠦᠷᠪᠡ︔ ᠬᠤᠳᠠ ᠪᠠᠯᠭᠠᠰᠦ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠣᠳᠣᠮ ᠤᠨ ᠡᠵᠡᠮᠳᠡᠵᠥ ᠪᠤᠯᠬᠤ ᠤᠷᠤᠯᠭ᠎ᠠ 7.4% ᠨᠡᠮᠡᠭᠳᠡᠵᠣ᠂ ᠨᠡᠮᠡᠭᠳᠡᠯ ᠤᠨ ᠬᠤᠷᠳᠣᠴᠠ ᠪᠦᠬᠦ ᠬᠤᠳᠠ ᠳᠤ ᠪᠠᠨ ᠲᠠᠷᠢᠭᠦᠯᠡᠨ᠂ 35545 ᠲᠥᠭᠦᠷᠢᠭ ᠬᠦᠷᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠣᠳᠣᠮ ᠤᠨ ᠡᠵᠡᠮᠳᠡᠵᠥ ᠪᠤᠯᠬᠤ ᠤᠷᠤᠯᠭ᠎ᠠ 7.6% ᠨᠡᠮᠡᠭᠳᠡᠵᠣ᠂ 14501 ᠲᠦᠭᠦᠷᠢᠭ ᠬᠦᠷᠴᠦ᠂ ᠵᠠᠯᠭᠠᠪᠡᠷ 11 ᠵᠢᠯ ᠪᠦᠬᠦ ᠬᠤᠳᠠ ᠳᠤ ᠪᠠᠨ ᠲᠡᠷᠢᠭᠦᠯᠡᠪᠡ᠃    ︵ᠬᠤᠶᠠᠷ︶ ᠠᠵᠣ ᠣᠶᠢᠯᠠᠰ ᠤᠨ ᠪᠦᠳᠦᠴᠡ ᠲᠠᠰᠣᠷᠠᠯᠳᠠ ᠦᠭᠡᠢ ᠰᠢᠯᠢᠳᠡᠭᠵᠢᠵᠣ᠂ ᠬᠦᠭᠵᠢᠯᠳᠠ ᠶᠢᠨ ᠴᠢᠨᠠᠷ ᠦᠷ᠎ᠡ ᠠᠰᠢᠭ ᠲᠣᠭᠳᠠᠭᠤᠨ ᠢᠶᠠᠷ ᠲᠡᠭᠡᠭᠰᠢᠯᠡᠪᠡ ᠃ ᠬᠡᠯᠪᠡᠷᠢ ᠪᠠᠨ ᠬᠤᠪᠢᠷᠠᠭᠤᠯᠬᠤ ᠬᠦᠭᠵᠢᠭᠦᠯᠦᠯᠳᠠ ᠶᠢ ᠬᠦᠴᠦᠳᠠᠢ ᠠᠬᠢᠭᠤᠯᠵᠣ᠂ ᠠᠵᠣ ᠣᠶᠢᠯᠠᠰ ᠤᠨ ᠬᠦᠭᠵᠢᠯᠳᠠ ᠶᠢᠨ ᠦᠵᠡᠯᠳᠠ ᠶᠢ ᠢᠳᠡᠪᠬᠢᠳᠠᠢ ᠬᠤᠪᠢᠷᠠᠭᠤᠯᠣᠨ᠂ ᠠᠵᠣ ᠣᠶᠢᠯᠠᠰ ᠤᠨ ᠪᠦᠳᠦᠴᠠ ᠶᠢ ᠰᠢᠯᠢᠳᠡᠭᠵᠢᠭᠦᠯᠵᠣ᠂ ᠠᠵᠣ ᠠᠬᠤᠢ ᠶᠢᠨ ᠬᠦᠭᠵᠢᠯᠳᠠ ᠳᠤ ᠠᠮᠢᠳᠣᠯᠢᠭ ᠬᠦᠴᠦᠨ ᠣᠯᠭᠤᠵᠣ᠂ ᠬᠦᠭᠵᠢᠯᠳᠠ  ᠶᠢᠨ ᠰᠢᠨ᠎ᠠ ᠴᠢᠳᠠᠪᠬᠢ ᠶᠢ ᠪᠠᠳᠠᠷᠠᠭᠤᠯᠪᠠ᠃—— ᠮᠠᠯ ᠲᠠᠷᠢᠶᠠᠯᠠᠩ ᠤᠨ ᠣᠳᠣᠬᠢᠴᠢᠯᠠᠭᠰᠠᠨ ᠠᠬᠢᠴᠠ ᠲᠦᠷᠭᠡᠳᠪᠡ᠃ ᠬᠡᠪᠴᠢᠶᠡᠵᠢᠭᠦᠯᠣᠨ ᠣᠶᠢᠯᠠᠳᠪᠦᠷᠢᠯᠠᠬᠦ᠂ ᠠᠵᠣ ᠣᠶᠢᠯᠠᠰᠵᠢᠭᠦᠯᠦᠨ ᠡᠵᠡᠩᠨᠡᠬᠦ᠂ ᠨᠠᠷ᠎ᠡ ᠲᠡᠮᠳᠡᠭᠴᠢᠯᠠᠨ ᠣᠷᠣᠯᠭ᠎ᠠ ᠪᠠᠨ ᠨᠡᠮᠡᠭᠳᠡᠬᠦᠯᠬᠦ ᠪᠠᠷ ᠭᠤᠣᠯ ᠪᠣᠯᠭᠠᠵᠣ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠰᠢᠨᠵᠢᠯᠡᠭᠡ ᠮᠡᠷᠭᠡᠵᠢᠯ ᠤᠨ ᠠᠭᠤᠯᠣᠭᠳᠠᠴᠠ ᠶᠢ ᠨᠡᠮᠡᠭᠳᠡᠬᠦᠯᠵᠣ᠂ ᠵᠠᠬ᠎ᠠ ᠲᠡᠯᠭᠡᠭᠦᠷ ᠤᠨ ᠣᠷᠣᠨ ᠵᠠᠢ ᠶᠢ ᠦᠷᠭᠡᠳᠬᠡᠨ ᠮᠠᠯ ᠲᠠᠷᠢᠶᠠᠯᠠᠩ ᠤᠨ ᠪᠦᠳᠦᠭᠳᠡᠭᠦᠨ ᠤ ᠬᠦᠨᠦᠭᠡᠯ ᠦᠭᠡᠢ ᠪᠣᠬᠢᠷᠳᠣᠯ ᠦᠭᠡᠢ ᠣᠶᠢᠯᠠᠳᠪᠦᠷᠢᠯᠠᠯ  ᠢ ᠠᠬᠢᠭᠤᠯᠪᠠ᠃ ᠲᠣᠯᠣᠭᠠᠶᠢᠯᠠᠬᠤ ᠠᠵᠣ ᠠᠬᠤᠢ ᠶᠢ ᠬᠦᠭᠵᠢᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠣᠶᠢᠯᠠᠳᠪᠦᠷᠢᠯᠡᠬᠦ᠂ ᠪᠣᠯᠪᠠᠰᠣᠷᠠᠭᠤᠯᠬᠤ᠂ ᠭᠦᠢᠯᠭᠡᠭᠡᠬᠦ ᠨᠢᠭᠡ ᠪᠦᠯᠦᠭ ᠲᠣᠯᠣᠭᠠᠶᠢᠯᠠᠭᠴᠢ ᠠᠵᠣ ᠠᠬᠤᠶᠢᠯᠠᠯ ᠢ ᠡᠬᠢᠯᠡᠨ ᠪᠠᠶᠢᠭᠤᠯᠵᠣ᠂ ︽ᠲᠣᠯᠣᠭᠠᠶᠢᠯᠠᠭᠴᠢ ᠪᠠᠷ ᠲᠠᠶᠢᠴᠢᠯᠠᠬᠤ︾ ᠠᠵᠣ ᠣᠶᠢᠯᠠᠰ ᠤᠨ ᠬᠦᠭᠵᠢᠯᠳᠠ ᠶᠢᠨ ᠵᠠᠭᠪᠣᠷ ᠢ ᠪᠦᠷᠢᠯᠳᠦᠭᠦᠯᠵᠣ᠂ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠬᠤ ᠬᠡᠪᠴᠢᠶᠡᠵᠢᠯ ᠢ ᠲᠠᠰᠣᠷᠠᠯᠳᠠ ᠦᠭᠡᠢ ᠦᠷᠭᠡᠳᠬᠡᠪᠡ᠃ ᠨᠢᠭᠡ ᠪᠦᠯᠦᠭ ᠣᠷᠣᠨ ᠨᠣᠳᠤᠭ ᠤᠨ ᠦᠪᠡᠷᠮᠢᠴᠠ ᠨᠡᠷᠡᠳᠦ ᠲᠡᠮᠳᠡᠭ ᠢ ᠪᠣᠶᠢᠵᠢᠭᠤᠯᠵᠣ᠂ ᠣᠨᠴᠠᠯᠢᠭᠳᠦ ᠠᠵᠣ ᠠᠬᠤᠢ ᠶᠢᠨ ᠲᠠᠷᠢᠮᠠᠯ ᠤᠨ ᠲᠠᠯᠠᠪᠡᠢ ᠶᠢ 6 ᠲᠦᠮᠡᠨ ᠮᠣ᠋ ᠬᠦᠷᠭᠡᠵᠣ᠂ ᠮᠠᠯ ᠲᠠᠷᠢᠶᠠᠯᠠᠩ ᠤᠨ ᠨᠡᠷᠡᠳᠦ ᠲᠡᠮᠳᠡᠭᠴᠢᠯᠠᠯᠳᠠ ᠲᠠᠰᠣᠷᠠᠯᠳᠠ ᠦᠭᠡᠢ ᠲᠡᠭᠡᠭᠰᠢᠯᠡᠪᠡ᠃ ᠮᠠᠨ ᠤ ᠬᠤᠰᠢᠭᠤ ᠪᠦᠬᠦ ᠣᠷᠣᠨ ᠤ ᠮᠠᠯ ᠲᠠᠷᠢᠶᠠᠯᠠᠩ ᠤᠨ ᠪᠦᠳᠦᠭᠡᠭᠳᠡᠬᠦᠨ ᠤ ᠪᠦᠬᠦ ᠠᠵᠣ ᠣᠶᠢᠯᠠᠰ ᠤᠨ ᠬᠡᠯᠬᠢᠶ᠎ᠡ ᠶᠢᠨ ᠭᠡᠳᠡᠷᠬᠦ ᠨᠡᠭᠡᠮᠵᠢᠯᠡᠬᠦ ᠰᠢᠰᠲ᠋ᠧᠮ ᠪᠣᠯᠣᠨ ᠮᠠᠯ ᠠᠵᠣ ᠠᠬᠤᠢ ᠶᠢᠨ ᠪᠦᠬᠦ ᠶᠠᠪᠣᠴᠠ ᠶᠢ ᠮᠠᠰᠢᠨᠴᠢᠯᠠᠬᠤ ᠲᠣᠷᠰᠢᠯᠳᠠ ᠶᠢᠨ ᠬᠤᠰᠢᠭᠤ ᠪᠠᠷ ᠲᠣᠭᠳᠠᠭᠠᠭᠳᠠᠵᠣ᠂ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠮᠣᠩᠭᠤᠯ ᠤᠨ ᠦᠨᠳᠦᠷᠯᠢᠭ ᠤᠨ ᠨᠣᠣᠯᠣᠭᠤᠷ ᠤᠨ ᠢᠮᠠᠭᠠᠨ ᠤ ᠠᠮᠢ ᠠᠬᠤᠶᠢᠴᠢ ᠠᠷᠠᠴᠢᠯᠠᠭ᠎ᠠ ᠶᠢᠨ ᠣᠯᠣᠰ ᠠᠯᠣᠰᠯᠠᠭᠰᠠᠨ ᠠᠺᠠᠳᠧᠮᠢᠴᠢ ᠠᠵᠢᠯ ᠤᠨ ᠦᠷᠳᠡᠭᠡ ᠶᠢ ᠪᠠᠶᠢᠭᠤᠯᠪᠠ᠃ ᠮᠠᠰᠢᠨᠴᠢᠯᠠᠭᠰᠠᠨ ᠣᠶᠢᠯᠠᠳᠪᠦᠷᠢᠯᠠᠯ ᠪᠣᠯᠣᠨ  ᠠᠷᠪᠢᠳᠠᠢ ᠣᠰᠣᠯᠠᠯᠳᠠ ᠶᠢᠨ ᠮᠡᠷᠭᠡᠵᠢᠯ ᠢ ᠡᠷᠴᠢᠮᠳᠠᠢ ᠲᠡᠯᠭᠡᠷᠡᠭᠦᠯᠵᠣ᠂ ᠮᠠᠯᠴᠢᠨ ᠲᠠᠷᠢᠶᠠᠴᠢᠳ ᠢ ᠲᠠᠶᠢᠴᠢᠯᠠᠨ ᠣᠶᠢᠯᠠᠳᠪᠦᠷᠢᠯᠠᠯ ᠢᠶᠠᠨ ᠲᠣᠭᠳᠠᠪᠦᠷᠢᠵᠢᠭᠤᠯᠣᠨ ᠣᠷᠣᠯᠭ᠎ᠠ ᠪᠠᠨ ᠨᠡᠮᠡᠭᠳᠡᠭᠦᠯᠦᠨ᠂ ᠪᠦᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ ᠶᠢ 236 ᠲᠦᠮᠡ ᠬᠦᠷᠭᠡᠵᠣ᠂ ᠮᠠᠯ ᠤᠨ ᠪᠣᠷᠣᠯᠠᠭᠤᠯᠭ᠎ᠠ ᠶᠢ 143 ᠲᠦᠮᠡ ᠬᠦᠷᠭᠡᠪᠡ᠃—— ᠠᠵᠣ ᠣᠶᠢᠯᠠᠳᠪᠦᠷᠢ ᠶᠢᠨ ᠭᠤᠣᠯᠯᠠᠬᠤ ᠪᠠᠶᠢᠷᠢ ᠨᠡᠩ ᠲᠣᠪᠣᠶᠢᠪᠠ᠃ ᠪᠦᠬᠦ ᠬᠤᠰᠢᠭᠤᠨ ᠤ ᠠᠵᠣ ᠣᠶᠢᠯᠠᠳᠪᠦᠷᠢ ᠶᠢᠨ ᠶᠡᠷᠦᠩᠭᠡᠢ ᠣᠶᠢᠯᠠᠳᠪᠦᠷᠢᠯᠠᠯ ᠤᠨ ᠦᠷᠳᠡᠭ 13.9% ᠨᠡᠮᠡᠭᠳᠡᠵᠣ᠂ 280 ᠳ᠋ᠥᠩᠰᠢᠭᠤᠷ ᠲᠦᠬᠦᠷᠢᠭ ᠲᠤ ᠬᠦᠷᠪᠡ᠃ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ 13.6% ᠬᠦᠷᠴᠤ᠂ 63.58 ᠳ᠋ᠦᠩᠰᠢᠭᠤᠷ ᠲᠦᠬᠦᠷᠢᠭ ᠲᠤ ᠬᠦᠷᠪᠠ᠃ ᠴᠠᠬᠢᠯᠭᠠᠨ ᠬᠦᠴᠤᠨ ᠤ ᠲᠦᠷᠤᠯ ᠵᠦᠢᠯ ᠤᠨ ᠪᠠᠶᠢᠭᠤᠯᠤᠯᠳᠠ ᠯᠠᠪᠳᠠᠭᠤᠨ ᠠᠬᠢᠵᠤ᠂ ᠱᠠᠩᠬᠠᠢ ᠶᠢᠨ ᠰᠥᠮ᠎ᠡ ᠠᠴᠠ ᠱᠠᠨᠳᠦ᠋ᠩ ᠬᠦᠷᠭᠦ ᠣᠨᠴᠠ ᠦᠨᠳᠦᠷ ᠲᠠᠷᠣᠯᠳᠠᠳᠦ ᠴᠠᠬᠢᠯᠭᠠᠨ ᠬᠦᠷᠭᠡᠯᠳᠠ ᠶᠢᠨ ᠱᠣᠭᠤᠮ ᠣᠯᠣᠰ ᠤᠨ ᠦᠭᠡᠷᠡᠴᠢᠯᠡᠯᠳᠠ ᠬᠦᠭᠵᠢᠭᠦᠯᠦᠯᠳᠠ ᠶᠢᠨ ᠵᠦᠪᠯᠠᠯ ᠤᠨ ᠵᠦᠪᠰᠢᠶᠠᠷᠠᠯ ᠢ ᠣᠯᠵᠣ ᠪᠠᠷᠢᠯᠭ᠎ᠠ ᠡᠬᠢᠯᠡᠨ᠂ ᠣᠯᠣᠰ ᠤᠨ ᠴᠠᠬᠢᠯᠭᠠᠨ ᠤ ᠱᠤᠸᠠᠩ ᠸᠧᠢ᠂ ᠱᠧᠨ ᠬᠤᠸᠠ ᠣᠯᠣᠰ ᠤᠨ ᠡᠨᠧᠷᠬᠢ᠂ ᠱᠧᠩ ᠯᠣ᠋ ᠡᠨᠧᠷᠬᠢ ᠬᠢᠮᠢ᠂ ᠪᠧᠢ ᠹᠧᠩ ᠬᠤᠯᠪᠣᠭᠠᠳᠦ ᠴᠠᠬᠢᠯᠭᠠᠨ᠂ ᠣᠯᠣᠰ ᠤᠨ ᠴᠠᠬᠢᠯᠭᠠᠨ ᠡᠨᠧᠷᠬᠢ ᠶᠢᠨ 5 ᠶᠡᠷᠦᠩᠬᠡᠢ ᠮᠠᠰᠢᠨ ᠴᠣᠭᠴᠠᠯᠠᠪᠦᠷᠢ ᠶᠢᠨ ᠬᠡᠪᠴᠢᠶᠡᠵᠢᠯ 1000 ᠲᠦᠮᠡᠨ  ᠺᠢᠯᠤᠸᠠᠲ  ᠤᠨ ᠨᠡᠬᠦᠷᠡᠰᠤᠨ ᠴᠠᠬᠢᠯᠭᠠᠨ ᠤ ᠲᠦᠷᠦᠯ ᠵᠣᠶᠢᠯ ᠮᠡᠷᠭᠡᠵᠢᠯᠳᠠᠨ ᠤ ᠦᠨᠡᠯᠡᠯᠳᠠ ᠶᠢ ᠲᠠᠮᠵᠢᠪᠠ᠃ ᠷᠦᠨ ᠪᠦᠸᠧ ᠶᠢᠨ 33 ᠰᠡᠶ᠎ᠡ ᠸᠠᠲ ᠤᠨ ᠨᠠᠷᠠᠨ ᠴᠠᠬᠢᠯᠭᠠᠨ ᠤ ᠲᠦᠷᠤᠯ ᠵᠦᠢᠯ ᠢ ᠴᠠᠬᠢᠯᠭᠠᠨ ᠬᠦᠴᠤᠨ ᠤ ᠳᠤᠤᠷ ᠲᠤ ᠠᠰᠢᠭᠯᠠᠨ᠂ ᠰᠢᠨ᠎ᠠ ᠡᠨᠧᠷᠬᠢ ᠶᠢᠨ ᠶᠡᠷᠤᠩᠬᠡᠶᠢᠯᠡᠭᠰᠡᠨ ᠠᠰᠢᠭᠯᠠᠯᠳᠠ ᠶᠢᠨ ᠲᠦᠷᠤᠯ ᠵᠦᠢᠯ ᠤᠨ ᠭᠠᠵᠠᠷ ᠰᠤᠩᠭᠤᠬᠤ ᠵᠡᠷᠬᠡ ᠡᠮᠤᠨ᠎ᠠ ᠬᠤᠭᠤᠴᠠᠭᠠᠨ ᠤ ᠠᠵᠢᠯ ᠢ ᠲᠦᠷᠬᠡᠤᠨᠬᠡᠪᠠ᠃ ᠬᠤᠸᠠ ᠰᠢᠩ ᠤᠨ 40 ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ ᠤᠨ ᠨᠡᠭᠦᠷᠡᠰᠤ  ᠪᠠᠷ ᠰᠢᠳᠠᠮᠠᠬᠠᠢ ᠭᠡᠢ ᠥᠢᠯᠡᠳᠭᠦ ᠲᠥᠷᠥᠯ ᠵᠣᠶᠢᠯ ᠤᠨ ᠣᠰᠣᠨ ᠰᠣᠷᠪᠣᠯᠵᠢ ᠶᠢᠨ ᠨᠤᠳᠠᠯᠠᠯᠳᠠ ᠶᠢᠨ ᠮᠡᠳᠡᠭᠦᠯᠦᠯᠳᠠ ᠣᠶᠢᠷ᠎ᠠ ᠶᠢᠨ ᠬᠤᠭᠤᠴᠠᠭᠠᠨ ᠳᠤ ᠵᠦᠪᠰᠢᠶᠡᠷᠡᠯ ᠣᠯᠬᠤ ᠪᠠᠷ ᠪᠣᠯᠵᠣ᠂ ᠨᠡᠭᠦᠷᠡᠰᠦ ᠵᠡᠷᠭᠡ ᠬᠦᠴᠦᠨ ᠵᠣᠶᠢᠯ ᠤᠨ ᠪᠠᠳᠣᠯᠠᠭ᠎ᠠ ᠶᠢ ᠡᠳᠦᠭᠡ ᠶᠠᠭ ᠨᠠᠶᠢᠳᠡᠪᠦᠷᠢᠭᠤᠯᠵᠣ ᠪᠣᠢ᠃ ᠰᠧᠨ ᠲᠠᠢ 40 ᠲᠦᠮᠡᠨ ᠲᠣᠨ LNG ᠲᠦᠷᠦᠯ ᠵᠣᠶᠢᠯ ᠤᠨ ᠨᠢᠭᠡᠳᠦᠭᠡᠷ ᠬᠤᠭᠤᠴᠠᠭ᠎ᠠ ᠠᠰᠢᠭᠯᠠᠯᠳᠠ ᠶᠢ ᠣᠷᠣᠵᠣ᠂ ᠱᠢ ᠳ᠋ᠠ ᠪᠣᠬᠢᠷᠳᠣᠯ ᠦᠭᠡᠢ ᠡᠨᠧᠷᠬᠢ ᠶᠢᠨ 20 ᠲᠦᠮᠡᠨ ᠲᠣᠨ ᠤ ᠨᠢᠭᠡᠳᠦᠭᠡᠷ ᠬᠤᠭᠤᠴᠠᠭ᠎ᠠ᠂ ᠺᠧ ᠰᠢ 40 ᠲᠦᠮᠡᠨ ᠲᠣᠨ᠂ ᠶᠠ ᠬᠠᠢ 60 ᠲᠦᠮᠡᠨ ᠲᠣᠨ LNG ᠤᠨ ᠨᠢᠭᠡᠳᠦᠭᠡᠷ ᠬᠤᠭᠤᠴᠠᠭ᠎ᠠ ᠵᠡᠷᠬᠡ ᠰᠢᠳᠠᠮᠠᠬᠠᠢ ᠬᠡᠢ ᠰᠢᠩᠭᠡᠨᠵᠢᠭᠦᠯᠬᠦ ᠲᠦᠷᠦᠯ ᠵᠣᠶᠢᠯ ᠣᠷᠣᠭᠰᠢᠳᠠᠢ ᠶᠠᠪᠣᠭᠳᠠᠪᠠ᠃ ᠪᠦᠬᠦ ᠬᠤᠰᠢᠭᠤᠨ ᠤ ᠨᠡᠭᠦᠷᠡᠰᠦᠨ ᠭᠠᠷᠣᠯᠳᠠ 1000 ᠲᠦᠮᠡᠨ ᠲᠣᠨ᠂ ᠨᠡᠭᠦᠷᠡᠰᠦ ᠬᠢᠮᠢ ᠶᠢᠨ ᠭᠠᠷᠣᠯᠳᠠ 110 ᠲᠦᠮᠡᠨ ᠲᠣᠨ᠂ ᠰᠢᠳᠠᠮᠠᠬᠠᠢ ᠬᠡᠢ ᠶᠢᠨ ᠭᠠᠷᠣᠯᠳᠠ 49 ᠳ᠋ᠥᠩᠰᠢᠭᠤᠷ ᠪᠣᠰᠤᠭ᠎ᠠ ᠲᠦᠷᠪᠡᠯᠵᠢᠨ ᠮᠧᠲᠷ ᠬᠦᠷᠪᠡ᠃—— ᠣᠳᠣ ᠦᠶ᠎ᠡ ᠶᠢᠨ ᠣᠶᠢᠯᠠᠴᠢᠯᠡᠭᠡᠨ ᠤ ᠣᠶᠢᠯᠠᠰ ᠲᠦᠷᠭᠡᠨ ᠬᠦᠭᠵᠢᠪᠡ᠃ ᠦᠨᠳᠤᠰᠤᠳᠠᠨ ᠤ ᠣᠨᠴᠠᠯᠢᠭᠳᠦ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠠᠵᠣ᠂ ᠰᠢᠨᠵᠢᠯᠠᠬᠦ ᠣᠬᠠᠭᠠᠨᠴᠢ ᠪᠠᠷ ᠲᠦᠰᠦᠪᠯᠠᠨ ᠵᠦᠢ ᠵᠣᠬᠢᠰᠳᠠᠢ ᠪᠠᠶᠢᠷᠢᠯᠠᠭᠤᠯᠵᠣ᠂ ᠣᠳᠣ ᠦᠶ᠎ᠡ ᠶᠢᠨ ᠣᠶᠢᠯᠠᠴᠢᠯᠡᠭᠡᠨ ᠤ ᠣᠶᠢᠯᠠᠰ ᠢ ᠲᠦᠷᠭᠡᠳᠬᠡᠪᠡ᠃ ᠱᠠᠩᠬᠠᠢ ᠶᠢᠨ ᠰᠦᠮ᠎ᠡ ᠶᠢᠨ ᠨᠡᠷᠬᠢᠶᠠᠨᠳᠦ ᠲᠠᠯ᠎ᠠ ᠨᠣᠳᠤᠭ ᠤᠨ ᠵᠢᠭᠤᠯᠴᠢᠯᠠᠯ ᠤᠨ ᠣᠷᠣᠨ ᠢ ᠢᠷᠭᠠᠢ ᠶᠢᠨ ᠪᠢᠨ ᠾᠧ ᠰᠢᠨ᠎ᠠ ᠳᠤᠭᠤᠷᠢᠭ ᠤᠨ ᠪᠦᠬᠦ ᠴᠠᠷᠠᠭ᠎ᠠ ᠶᠢᠨ 5A ᠳᠡᠰ ᠤᠨ ᠦᠵᠡᠮᠵᠢ ᠶᠢᠨ ᠤᠷᠤᠨ ᠲᠠᠢ ᠠᠭᠤᠰᠬᠠᠨ ᠭᠥᠭᠵᠢᠭᠦᠯᠵᠥ᠂ ᠣᠷᠣᠨ ᠲᠣᠭᠤᠷᠢᠭ ᠤᠨ ᠬᠠᠮᠳᠦᠷᠠᠯᠴᠠᠭ᠎ᠠ᠂ ᠦᠪᠡᠷᠮᠢᠴᠡᠯᠡᠭᠰᠡᠨ ᠬᠦᠭᠵᠢᠯᠳᠠ ᠶᠢᠨ ᠴᠢᠳᠠᠪᠦᠷᠢ ᠶᠢ ᠨᠡᠮᠡᠭᠳᠡᠭᠦᠯᠪᠡ᠃ ᠪᠦᠬᠦ ᠣᠯᠣᠰ ᠤᠨ ᠠᠷᠪᠠᠳᠦᠭᠠᠷ ᠬᠤᠭᠤᠴᠠᠭᠠᠨ ᠤ ᠴᠦᠭᠡᠨ ᠲᠣᠭᠠᠳᠦ ᠦᠨᠳᠦᠰᠦᠳᠡᠨ ᠤ ᠲᠠᠮᠢᠷ ᠤᠨ ᠴᠣᠭᠯᠠᠭᠠᠨ᠂ ᠴᠢᠬᠤᠯᠠ ᠪᠠᠶᠠᠷ ᠨᠠᠶᠢᠷ ᠤᠨ ᠲᠠᠶᠢᠴᠢᠯᠠᠯ ᠲᠣᠣᠷ᠎ᠠ ᠰᠣᠶᠣᠯ ᠵᠢᠭᠤᠯᠴᠢᠯᠠᠯ᠂ ᠬᠡᠷᠡᠭᠯᠡᠭᠡ ᠵᠡᠷᠬᠡ ᠶᠢᠨ ᠠᠮᠢᠳᠦᠯᠢᠭ᠋ ᠬᠦᠴᠦᠨ ᠣᠯᠠᠮ ᠴᠢᠩᠭᠠᠳᠴᠦ᠂ ᠪᠦᠬᠦ ᠵᠢᠯ ᠳᠤ ᠵᠣᠭᠠᠭᠴᠠᠰᠠᠳ 67.3 ᠲᠦᠮᠡᠨ ᠬᠦᠮᠦᠨ ᠣᠳᠠᠭ᠎ᠠ ᠬᠦᠯᠢᠶᠡᠨ ᠵᠣᠴᠢᠯᠠᠵᠣ 19.2 ᠳ᠋ᠥᠩᠰᠢᠭᠤᠷ ᠲᠦᠭᠦᠷᠢᠭ ᠤᠨ ᠵᠢᠭᠤᠯᠴᠢᠯᠠᠯ ᠤᠨ ᠣᠷᠣᠯᠭ᠎ᠠ ᠤᠯᠪᠠ᠃ ᠨᠡᠶᠢᠭᠡᠮ ᠤᠨ ᠬᠡᠷᠡᠭᠯᠡᠭᠡᠨ  ᠤ ᠲᠠᠸᠠᠷ ᠤᠨ ᠵᠢᠵᠢᠭᠯᠡᠨ ᠪᠣᠷᠣᠯᠠᠭᠤᠯᠣᠭᠰᠠᠨ ᠶᠡᠷᠣᠩᠬᠡᠢ ᠥᠷᠳᠡᠭ 8% ᠨᠡᠮᠡᠭᠳᠡᠵᠣ᠂ 20.4 ᠳ᠋ᠥᠩᠰᠢᠭᠤᠷ ᠲᠥᠭᠦᠷᠢᠭ ᠬᠦᠷᠪᠡ᠃ ᠮᠦᠩᠭᠦᠨ ᠭᠦᠢᠯᠭᠡᠭᠡ᠂ ᠪᠣᠳᠠᠰ ᠤᠨ ᠬᠦᠢᠯᠭᠡᠭᠡ᠂ ᠡᠯᠧᠺᠲᠷᠣᠨ ᠠᠷᠠᠯᠵᠢᠶ᠎ᠠ᠂ ᠡᠷᠡᠬᠦᠯᠵᠢᠯ ᠰᠣᠪᠢᠯᠠᠯᠳᠠ ᠵᠡᠷᠬᠡ ᠰᠢᠨ᠎ᠡ ᠡᠵᠡᠩᠨᠡᠯᠳᠠ ᠶᠢᠨ ᠲᠦᠯᠦᠪ ᠲᠦᠷᠭᠡᠨ ᠬᠦᠭᠵᠢᠵᠣ᠂ ᠣᠶᠢᠯᠠᠴᠢᠯᠡᠭᠡᠨ ᠤ ᠣᠶᠢᠯᠠᠰ ᠤᠨ ᠠᠭᠤᠰᠣᠯᠴᠠᠯ ᠬᠦᠭᠵᠢᠯᠳᠠ ᠶᠢ ᠣᠯᠠᠮ ᠲᠡᠭᠡᠭᠰᠢᠯᠡᠬᠦᠯᠪᠡ᠃    ︵ᠭᠤᠷᠪᠠ︶ ᠬᠤᠳᠠ ᠬᠦᠳᠡᠭᠡ ᠶᠢᠨ ᠪᠠᠶᠢᠭᠤᠯᠣᠯᠳᠠ ᠵᠣᠬᠢᠴᠠᠩᠭᠤᠢ ᠠᠬᠢᠵᠣ᠂ ᠬᠦᠭᠵᠢᠯᠳᠠ ᠶᠢᠨ ᠣᠷᠴᠢᠨ ᠦᠷᠬᠦᠯᠵᠢᠯᠡᠨ ᠰᠠᠶᠢᠵᠢᠷᠠᠪᠠ᠃ ᠪᠡᠭᠡᠵᠢᠩ ᠲᠢᠶᠠᠨᠵᠢᠨ ᠤ ᠰᠠᠯᠬᠢ ᠰᠢᠷᠣᠢ ᠶᠢᠨ ᠡᠬᠢ ᠶᠢᠨ ᠵᠠᠰᠠᠯᠳᠠ ᠶᠢᠨ ᠬᠤᠶᠠᠳᠦᠭᠠᠷ ᠬᠤᠭᠤᠴᠠᠭᠠᠨ ᠤ ᠢᠨᠵᠧᠨᠧᠷᠢᠩ᠂ ᠪᠠᠶᠢᠭᠠᠯᠢ ᠶᠢᠨ ᠣᠢ ᠶᠢᠨ ᠬᠠᠮᠠᠭᠠᠯᠠᠯᠳᠠ ᠵᠡᠷᠭᠡ ᠭᠤᠣᠯᠳᠠᠯᠭᠠᠳᠦ ᠠᠮᠢ ᠠᠬᠤᠢ ᠶᠢᠨ ᠢᠨᠵᠧᠨᠧᠷᠢᠩ ᠢ ᠦᠷᠬᠦᠯᠵᠢᠯᠡᠬᠦᠯᠦᠨ ᠬᠡᠷᠡᠭᠵᠢᠭᠦᠯᠵᠣ᠂ 17.7 ᠲᠦᠮᠡᠨ ᠮᠣ᠋ ᠣᠶᠢᠵᠢᠭᠤᠯᠣᠯᠳᠠ ᠬᠢᠵᠣ᠂ 7.95 ᠲᠦᠮᠡᠨ ᠮᠣ᠋ ᠬᠦᠷᠦᠰᠦ ᠰᠢᠷᠣᠢ ᠶᠢᠨ ᠢᠳᠡᠭᠳᠡᠯ ᠢ ᠵᠠᠰᠠᠵᠣ᠂ ᠠᠮᠢ ᠠᠬᠤᠢ ᠶᠢᠨ ᠣᠷᠴᠢᠨ ᠢ ᠦᠷᠬᠦᠯᠵᠢᠯᠡᠡᠬᠦᠯᠦᠨ ᠪᠠᠬᠢᠵᠢᠭᠦᠯᠪᠡ᠃ ᠬᠡᠷᠡᠮ ᠤᠨ ᠭᠤᠣᠯ ᠤᠨ 110 ᠺᠢᠯᠦᠸ᠋ᠯᠲ  ᠤᠨ ᠴᠠᠬᠢᠯᠭᠠᠨ ᠬᠤᠪᠢᠰᠬᠠᠬᠤ ᠪᠠᠷᠢᠯᠠᠭ᠎ᠠ ᠠᠰᠢᠭᠯᠠᠯᠳᠠ ᠳᠤ ᠣᠷᠣᠵᠣ᠂ 748 ᠺᠢᠯᠦᠮᠧᠲᠷ ᠤᠨ ᠲᠠᠷᠢᠶᠠᠯᠠᠩ ᠤᠨ ᠴᠠᠬᠢᠯᠭᠠᠨ ᠢ ᠦᠭᠡᠷᠡᠴᠢᠯᠠᠪᠡ᠃ S216 ᠦᠨᠳᠦᠷ ᠲᠡᠰ ᠤᠨ ᠵᠠᠰᠠᠮᠠᠯ ᠵᠠᠮ ᠲᠡᠷᠬᠡ ᠨᠡᠪᠳᠡᠷᠠᠵᠣ᠂ ᠲᠣᠣ ᠱᠠᠩ ᠲᠠᠮᠦᠷ ᠵᠠᠮ ᠤᠨ ᠲᠣᠯᠢ ᠠᠴᠠ ᠣᠯᠵᠠᠴᠢ ᠬᠦᠷᠬᠦ ᠬᠡᠰᠡᠭ ᠤᠨ ᠪᠠᠷᠢᠯᠭ᠎ᠠ ᠲᠦᠷᠬᠡᠨ ᠠᠬᠢᠵᠣ᠂ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠲᠦᠷᠬᠡᠨ ᠵᠠᠮ᠂ ᠨᠡᠶᠢᠳᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠨᠦᠭᠦᠴᠡᠯ ᠪᠦᠷᠢᠳᠦᠵᠣ᠂ 184 ᠺᠢᠯᠦᠮᠧᠲᠷ ᠭᠠᠴᠠᠭ᠎ᠠ ᠲᠣᠰᠬᠤᠨ ᠤ ᠵᠠᠰᠠᠮᠠᠯ ᠵᠠᠮ ᠵᠠᠰᠠᠪᠠ᠃ ᠬᠤᠳᠠ ᠶᠢᠨ ᠵᠡᠬᠡᠯᠢ ᠭᠤᠳᠤᠮᠵᠢ᠂ ᠳᠤᠤᠷ ᠬᠤᠭᠤᠯᠠᠢ ᠵᠡᠷᠬᠡ ᠬᠤᠳᠠ ᠬᠦᠳᠡᠭᠡ ᠶᠢᠨ ᠰᠠᠭᠤᠷᠢ ᠲᠦᠬᠦᠬᠡᠷᠤᠮᠵᠢ ᠳᠠᠰᠤᠷᠠᠯᠳᠠ ᠦᠬᠡᠢ ᠳᠡᠬᠦᠯᠳᠡᠷᠵᠢᠵᠤ᠂ ᠣᠷᠣᠰᠢᠨ ᠰᠠᠭᠤᠬᠤ ᠤᠷᠴᠢᠨ ᠳᠤᠭᠤᠷᠢᠨ ᠤᠯᠠᠮ ᠨᠢᠬᠡ ᠠᠯᠬᠤᠮ ᠰᠠᠶᠢᠵᠢᠷᠠᠪᠠ᠃ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠨᠡᠶᠢᠳᠡᠮ ᠪᠡᠶᠡᠯᠡᠬᠦᠯᠬᠦ︾ ᠢᠨᠵᠧᠨᠧᠷᠢᠩ ᠪᠦᠬᠦ ᠲᠠᠯ᠎ᠠ ᠪᠠᠷ ᠠᠬᠢᠵᠣ᠂ ᠡᠨᠧᠷᠬᠢ ᠠᠷᠪᠢᠯᠠᠬᠤ ᠦᠭᠡᠷᠡᠴᠢᠯᠠᠯᠳᠠ᠂ ︽ᠮᠠᠯᠵᠢᠬᠤ ᠲᠠᠷᠢᠶᠠᠯᠠᠬᠤ ᠣᠷᠣᠨ ᠳᠤ ᠰᠢᠳᠠᠮᠠᠬᠠᠢ ᠬᠡᠢ ᠨᠡᠪᠳᠡᠷᠡᠭᠦᠯᠬᠦ︾ ᠢᠨᠵᠧᠨᠧᠷᠢᠩ ᠪᠦᠳᠦᠮᠵᠢᠳᠠᠢ ᠶᠠᠪᠣᠭᠳᠠᠵᠣ᠂ 2602 ᠬᠦᠮᠦᠨ ᠤ ᠣᠰᠣ ᠣᠮᠳᠠ ᠶᠢᠨ ᠠᠮᠦᠷ ᠲᠦᠪᠰᠢᠨ ᠤ ᠢᠨᠵᠧᠨᠧᠷᠢᠩ ᠢ ᠬᠡᠷᠡᠭᠵᠢᠭᠦᠯᠵᠣ᠂ 193 ᠺᠢᠯᠦᠮᠧᠲᠷ ᠵᠡᠭᠡᠯᠢ ᠭᠤᠳᠣᠮᠵᠢ ᠶᠢ ᠬᠠᠳᠠᠭᠤᠵᠢᠭᠤᠯᠵᠣ᠂ 3700 ᠡᠷᠦᠬᠡ ᠶᠢᠨ ᠡᠨᠧᠷᠬᠢ ᠠᠷᠪᠢᠯᠠᠬᠤ ᠦᠭᠡᠷᠡᠴᠢᠯᠠᠯᠳᠠ᠂ 3000 ᠡᠷᠦᠬᠡ ᠨᠣᠷᠠᠬᠤ ᠠᠶᠣᠯ ᠲᠠᠢ ᠭᠡᠷ ᠤᠨ ᠦᠭᠡᠷᠡᠴᠢᠯᠡᠯᠳᠠ ᠶᠢ ᠪᠡᠶᠡᠯᠡᠬᠦᠯᠵᠤ᠂ ᠣᠷᠴᠢᠨ ᠲᠣᠭᠤᠷᠢᠨ ᠤ ᠵᠠᠰᠠᠯᠳᠠ ᠢᠯᠡᠷᠬᠡᠢ ᠠᠮᠵᠢᠯᠳᠠ ᠣᠯᠵᠣ᠂ ᠮᠠᠯᠵᠢᠬᠤ ᠲᠠᠷᠢᠶᠠᠯᠠᠬᠤ ᠣᠷᠣᠨ ᠤ ᠦᠩᠭᠡ ᠲᠦᠷᠰᠦ ᠰᠢᠨᠡᠳᠪᠡ᠃    ︵ᠲᠦᠷᠪᠡ︶ ᠠᠷᠠᠳ ᠤᠨ ᠠᠮᠢᠳᠣᠷᠠᠯ ᠤᠨ ᠪᠠᠳᠣᠯᠠᠭ᠎ᠠ ᠲᠠᠰᠣᠷᠠᠯᠳᠠ ᠦᠭᠡᠢ ᠴᠢᠩᠭᠠᠳᠴᠦ᠂ ᠬᠦᠭᠵᠢᠯᠳᠠ ᠶᠢᠨ ᠦᠷ᠎ᠡ ᠪᠦᠳᠦᠭᠡᠯ ᠢ ᠠᠷᠠᠳ ᠣᠯᠠᠨ ᠳᠤ ᠡᠳ᠋ᠯᠡᠭᠦᠯᠪᠡ᠃ ᠬᠤᠰᠢᠭᠤᠨ ᠤ ᠠᠷᠠᠳ ᠢ ᠬᠠᠷᠠᠭᠠᠯᠵᠠᠬᠤ ᠪᠣᠳᠠᠳᠦ ᠣᠴᠢᠷ ᠢ ᠪᠦᠬᠦ ᠳᠠᠯ᠎ᠠ ᠪᠠᠷ ᠪᠤᠳᠠᠳᠠᠶᠢᠵᠢᠭᠤᠯᠵᠤ᠂ ᠠᠷᠠᠳ ᠤᠨ ᠠᠮᠢᠳᠣᠷᠠᠯ ᠤᠨ ᠬᠠᠷᠠᠭᠠᠯᠵᠠᠯ ᠤᠨ ᠣᠷᠣᠭᠤᠯᠣᠯᠳᠠ ᠶᠢ ᠦᠷᠬᠦᠯᠵᠢᠯᠡᠬᠦᠯᠦᠨ ᠨᠡᠮᠡᠭᠳᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠠᠭ᠎ᠠ ᠶᠢᠨ 75% ᠶᠢ ᠡᠵᠡᠯᠡᠪᠡ᠃ ᠣᠶᠢᠯᠠᠰ ᠪᠦᠳᠦᠭᠡᠵᠣ ᠠᠵᠢᠯ ᠣᠯᠭᠤᠬᠤ ᠶᠢ ᠦᠷᠬᠡᠳᠬᠡᠵᠣ᠂ ᠪᠦᠬᠦ ᠵᠢᠯ ᠳᠤ ᠬᠤᠳᠠ ᠪᠠᠯᠭᠠᠰᠣᠨ ᠤ 1160 ᠬᠦᠮᠦᠨ ᠳᠤ ᠠᠵᠢᠯ ᠣᠯᠭᠤᠵᠣ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ  ᠠᠯᠳᠠᠯᠳᠠ 2.37% ᠪᠣᠯᠪᠠ᠃ ᠨᠡᠭᠠᠳᠦ ᠵᠠᠬ᠎ᠠ ᠶᠢᠨ ᠪᠠᠳᠣᠯᠠᠭ᠎ᠠ ᠶᠢ ᠨᠡᠩ ᠴᠢᠬᠤᠯᠠᠴᠢᠯᠠᠵᠣ᠂ ᠬᠤᠳᠠ ᠬᠦᠳᠡᠭᠡ ᠶᠢᠨ ᠲᠣᠣᠷ᠎ᠠ ᠪᠠᠳᠣᠯᠠᠭ᠎ᠠ ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠨᠠᠰᠤᠵᠢᠯ᠂ ᠠᠵᠣ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠨᠠᠰᠣᠵᠢᠯ ᠤᠨ ᠮᠦᠩᠭᠦ᠂ ᠳᠠᠪᠤᠨ ᠪᠠᠳᠤᠯᠠᠭ᠎ᠠ  ᠶᠢᠨ ᠳᠠᠷᠬᠠᠢ ᠠᠰᠠᠷᠠᠯᠳᠠ ᠶᠢᠨ ᠪᠠᠷᠢᠮᠵᠢᠶ᠎ᠠ ᠶᠢ ᠲᠡᠬᠡᠭᠰᠢᠯᠡᠬᠦᠯᠪᠡ᠃ 7822 ᠲᠣᠣᠷ᠎ᠠ ᠣᠷᠣᠯᠭ᠎ᠠ ᠲᠠᠢ ᠮᠠᠯᠴᠢᠨ ᠳᠠᠷᠢᠶᠠᠴᠢᠨ ᠡᠷᠦᠬᠡ ᠪᠦᠷᠢ ᠳᠤ 1 ᠲᠣᠨ ᠨᠡᠭᠦᠷᠡᠰᠦ ᠬᠠᠩᠭᠠᠵᠣ᠂ ᠬᠤᠳᠠ ᠬᠦᠳᠡᠭᠡ ᠶᠢᠨ ᠲᠣᠣᠷ᠎ᠠ ᠪᠠᠳᠣᠯᠠᠭᠠᠳᠦ ᠭᠡᠷ ᠪᠦᠯᠢ ᠶᠢᠨ ᠣᠶᠣᠳᠠᠳ ᠲᠤ  ᠰᠣᠷᠣᠯᠭ᠎ᠠ ᠶᠢᠨ ᠨᠦᠬᠦᠪᠦᠷᠢ ᠣᠯᠭᠤᠵᠣ᠂ 199 ᠣᠶᠣᠳᠠᠨ ᠠᠰᠢᠭ ᠬᠦᠷᠳᠡᠪᠠ᠃ ᠨᠠᠷᠢᠯᠢᠭ ᠣᠨᠣᠪᠴᠢᠳᠠᠢ ᠪᠠᠷ ᠶᠠᠳᠠᠭᠤ ᠶᠢ ᠲᠡᠳᠭᠦᠭᠦ ᠪᠣᠳᠣᠯᠭ᠎ᠠ ᠶᠢ ᠨᠠᠶᠢᠳᠠᠪᠦᠷᠢᠵᠢᠭᠤᠯᠵᠣ᠂ ᠮᠦᠩᠭᠦᠨ ᠭᠦᠢᠯᠭᠡᠭᠡ ᠪᠠᠷ ᠲᠡᠳᠬᠦᠬᠦ᠂ ᠠᠵᠣ ᠣᠶᠢᠯᠠᠰ ᠢᠶᠠᠷ ᠲᠡᠳᠬᠦᠬᠦ᠂ ᠰᠢᠯᠵᠢᠭᠦᠯᠦᠨ ᠲᠡᠳᠬᠦᠬᠦ᠂ ᠰᠣᠷᠭᠠᠨ ᠬᠦᠮᠦᠵᠢᠯ ᠡᠮ ᠡᠮᠨᠡᠯᠭᠡ ᠪᠠᠷ ᠲᠡᠳᠬᠦᠬᠦ ᠶᠢ ᠢᠵᠢᠯ ᠠᠯᠬᠤᠮ ᠢᠶᠠᠷ ᠠᠬᠢᠭᠤᠯᠵᠣ᠂ 736 ᠡᠷᠦᠬᠡ 2456 ᠬᠦᠮᠦᠨ ᠢ ᠶᠠᠳᠠᠭᠤ ᠠᠴᠠ ᠠᠩᠭᠢᠵᠢᠷᠠᠭᠤᠯᠪᠠ᠃ ᠣᠯᠵᠠᠴᠢ ᠶᠢᠨ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠠᠯᠠᠩ ᠢ ᠠᠰᠢᠭᠯᠠᠯᠳᠠ ᠳᠤ ᠣᠷᠣᠭᠤᠯᠵᠣ᠂ 2516 ᠲᠦᠬᠦᠷ ᠪᠠᠳᠣᠯᠠᠭ᠎ᠠ ᠶᠢᠨ ᠣᠷᠣᠨ ᠰᠠᠭᠤᠴᠠ ᠶᠢ ᠡᠬᠢᠯᠡᠨ ᠪᠠᠶᠢᠭᠤᠯᠵᠤ᠂ 1357 ᠲᠦᠬᠦᠷ ᠬᠠᠭᠤᠴᠢᠨ ᠬᠡᠷ ᠪᠠᠷᠢᠯᠭ᠎ᠠ ᠶᠢ ᠦᠬᠡᠷᠡᠴᠢᠯᠡᠪᠠ ᠃ ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠲᠦᠬᠦᠭᠡᠷᠦᠮᠵᠢ ᠶᠢ ᠲᠡᠬᠦᠯᠳᠡᠷᠵᠢᠭᠦᠯᠵᠣ᠂ ᠵᠢᠭᠠᠨ ᠰᠣᠷᠭᠠᠯᠳᠠ ᠶᠢᠨ ᠣᠷᠴᠢᠨ ᠢ ᠰᠢᠯᠢᠳᠡᠭᠵᠢᠭᠦᠯᠦᠨ᠂ ᠪᠠᠭᠰᠢ  ᠶᠢᠨ ᠡᠩᠨᠡᠭᠡᠨ ᠤ ᠬᠡᠪ ᠴᠢᠨᠠᠷ ᠢ ᠲᠡᠭᠡᠭᠰᠢᠯᠠᠬᠦᠯᠵᠣ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ  ᠬᠦᠷᠢᠶᠡᠯᠡᠩ ᠢ ᠠᠰᠢᠭᠯᠠᠯᠳᠠ ᠳᠤ ᠤᠷᠤᠭᠤᠯᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠲᠡᠩᠴᠡᠭᠦᠷᠢᠳᠦ ᠬᠦᠭᠵᠢᠯᠳᠠ ᠶᠢ ᠣᠯᠣᠰ ᠠᠴᠠ ᠮᠡᠳᠡᠷᠡᠭᠰᠡᠨ ᠪᠠᠶᠢᠨ᠎ᠠ᠃ ᠰᠣᠶᠣᠯ ᠤᠨ ᠠᠵᠣ ᠣᠶᠢᠯᠠᠰ ᠤᠨ ᠬᠦᠷᠢᠶᠡᠯᠠᠩ᠂ ᠨᠣᠮ ᠤᠨ ᠰᠠᠩ᠂ ᠰᠣᠶᠣᠯ ᠤᠨ ᠣᠷᠳᠣᠨ᠂ ᠠᠬᠠᠮᠠᠳ ᠺᠠᠳ᠋ᠷ ᠤᠨ ᠠᠵᠢᠯᠯᠠᠭᠠᠨ ᠤ ᠲᠦᠪ᠂ ᠭᠡᠷ ᠤᠨ ᠭᠠᠳᠠᠨᠠᠬᠢ ᠲᠠᠮᠢᠷ ᠤᠨ ᠲᠠᠯᠠᠪᠣᠷ᠂ ᠫᠢᠩᠫᠠᠩ ᠪᠦᠮᠪᠦᠭᠡ ᠦᠳᠤᠨ ᠪᠦᠮᠪᠤᠬᠡᠨ ᠤᠷᠳᠤᠨ᠂ ᠤᠮᠪᠠᠯᠳᠠ ᠶᠢᠨ ᠤᠷᠳᠤᠨ ᠠᠰᠢᠭᠯᠠᠯᠳᠠ ᠳᠤ ᠣᠷᠣᠵᠣ᠂ ᠪᠦᠬᠦ ᠣᠯᠣᠰ ᠤᠨ ᠠᠷᠪᠠᠳᠦᠭᠠᠷ ᠬᠤᠭᠤᠴᠠᠭᠠᠨ ᠤ ᠴᠦᠭᠡᠨ ᠲᠣᠭᠠᠳᠦ ᠦᠨᠳᠦᠰᠦᠳᠡᠨ ᠤ ᠣᠯᠠᠮᠵᠢᠯᠠᠯᠳᠦ ᠲᠠᠮᠢᠷ ᠤᠨ ᠴᠣᠭᠯᠠᠭᠠᠨ ᠤ ᠭᠠᠯ ᠤᠨ ᠴᠤᠭ ᠠᠪᠬᠤ ᠶᠣᠰᠣᠯᠠᠯ ᠢ ᠠᠮᠵᠢᠯᠳᠠ ᠲᠠᠢ ᠡᠷᠬᠢᠯᠡᠪᠡ᠃ ᠡᠮ ᠡᠮᠨᠡᠯᠭᠡ᠂ ᠡᠷᠡᠬᠦᠯ ᠬᠠᠮᠠᠭᠠᠯᠠᠯ ᠤᠨ ᠣᠶᠢᠯᠠᠴᠢᠯᠡᠭᠡᠨ ᠤ ᠲᠦᠪᠰᠢᠨ ᠲᠠᠰᠣᠷᠠᠯᠳᠠ ᠦᠭᠡᠢ ᠲᠡᠭᠡᠭᠰᠢᠯᠡᠵᠣ᠂ ᠲᠠᠬᠢᠯᠳᠦ᠂ ᠪᠣᠷᠣᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠶᠢᠭᠤᠯᠣᠭᠳᠠᠵᠣ  ︽ᠡᠮ ᠤᠨ ᠬᠠᠶᠢᠷᠴᠠᠭ︾ ᠤᠨ ᠪᠠᠴᠢᠮ ᠲᠣᠰᠠᠯᠠᠮᠵᠢ ᠶᠢᠨ ᠢᠨ᠋ᠧᠨᠧᠷᠢᠩ ᠢ ᠬᠡᠷᠡᠭᠵᠢᠬᠦᠯᠤᠨ᠂᠂ ︽ᠮᠣᠩᠭᠤᠯ ᠬᠢᠳᠠᠳ ᠡᠮ ᠡᠮᠨᠡᠯᠭᠡ ᠶᠢᠨ ᠲᠡᠷᠢᠭᠦᠨ  ᠤ ᠬᠤᠰᠢᠭᠤ︾ ᠶᠢ ᠠᠮᠵᠢᠯᠳᠠ ᠲᠠᠢ ᠴᠣᠭᠴᠠᠯᠠᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠣᠷᠰᠢᠯᠳᠠ ᠶᠢᠨ ᠦᠭᠡᠷᠡᠴᠢᠯᠡᠯᠡᠳᠠ᠂ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠦᠭᠡᠷᠡᠴᠢᠯᠡᠯᠳᠡ᠂ ᠣᠳᠣᠷᠢᠳᠬᠤ ᠺᠠᠳ᠋ᠷ ᠤᠨ ᠬᠦᠷᠦᠩᠭᠡ ᠬᠤᠭᠰᠢᠯ ᠤᠨ ᠬᠠᠷᠢᠭᠤᠴᠠᠯᠭ᠎ᠠ ᠶᠢ ᠬᠢᠨᠠᠨ ᠪᠣᠳᠣᠬᠤ ᠲᠣᠷᠰᠢᠯᠳᠠ᠂ ᠠᠯᠪᠠᠨ  ᠤ ᠡᠮᠨᠡᠯᠭᠡ ᠶᠢᠨ ᠲᠣᠷᠰᠢᠯᠳᠠ ᠦᠭᠡᠷᠡᠴᠢᠯᠡᠯᠳᠡ᠂ ᠨᠣᠳᠤᠭ ᠪᠡᠯᠴᠢᠭᠡᠷ ᠤᠨ ᠡᠷᠬᠡ ᠶᠢᠨ ᠲᠣᠳᠣᠷᠬᠠᠶᠢᠯᠠᠯᠳᠠ᠂ ᠣᠰᠣᠨ ᠡᠷᠭᠡ ᠶᠢᠨ ᠲᠦᠷᠢᠮ ᠤᠨ ᠦᠭᠡᠷᠡᠴᠢᠯᠡᠯᠳᠡ ᠵᠡᠷᠬᠡ ᠨᠢᠭᠡ ᠪᠦᠯᠦᠭ ᠭᠤᠣᠯᠳᠠᠯᠭᠠᠳᠦ ᠬᠦᠷᠢᠶ᠎ᠡ ᠴᠠᠷᠠᠭ᠎ᠠ ᠪᠣᠯᠣᠨ ᠵᠠᠩᠭᠢᠯᠠᠭ᠎ᠠ ᠶᠢᠨ ᠭᠤᠭᠴᠣᠭᠠᠨ ᠦᠭᠡᠷᠡᠴᠢᠯᠡᠯᠡᠳᠠ ᠢᠯᠡᠷᠬᠡᠢ ᠠᠮᠵᠢᠯᠳᠠ ᠣᠯᠵᠣ᠂ ᠬᠦᠭᠵᠢᠯᠳᠠ ᠶᠢ ᠴᠢᠨᠠᠭᠰᠢᠳᠠ ᠠᠬᠢᠭᠤᠯᠪᠠ᠃ ᠣᠶᠣᠨ ᠤ ᠪᠣᠯᠪᠠᠰᠣᠨ ᠤ ᠪᠠᠶᠢᠭᠤᠯᠣᠯᠳᠠ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠭᠡᠶᠢᠯᠡᠭᠰᠡᠨ ᠵᠠᠰᠠᠯᠳᠠ᠂ ᠠᠶᠣᠯᠬᠦᠢ ᠣᠶᠢᠯᠠᠳᠪᠦᠷᠢᠯᠠᠯ᠂ ᠣᠷᠴᠢᠨ ᠬᠠᠮᠠᠭᠠᠯᠠᠯᠳᠠ᠂ ᠢᠳᠡᠭᠡᠨ ᠤ ᠠᠮᠦᠷ ᠲᠦᠪᠰᠢᠨ᠂ ᠬᠠᠣᠯᠢ ᠲᠦᠭᠡᠮᠵᠢᠯᠡᠬᠦᠯᠬᠦ᠂ ᠵᠠᠬᠢᠳᠠᠯ ᠰᠣᠷᠪᠣᠯᠵᠢᠯᠠᠭ᠎ᠠ ᠵᠡᠷᠬᠡ ᠡᠯ᠎ᠡ ᠲᠠᠯ᠎ᠠ ᠶᠢᠨ ᠠᠵᠢᠯ ᠯᠠᠪᠳᠠᠭᠤᠨ ᠠᠬᠢᠵᠣ᠂ ᠨᠡᠶᠢᠭᠡᠮ ᠤᠨ ᠪᠠᠶᠢᠭᠤᠯᠣᠯᠳᠠ ᠡᠶ᠎ᠡ ᠵᠣᠬᠢᠴᠠᠩᠭᠤᠢ ᠲᠣᠭᠳᠠᠭᠤᠨ ᠪᠣᠯᠪᠠ᠃2015 ᠣᠨ ᠳᠤ ᠰᠢᠨ᠎ᠠ ᠬᠡᠪ ᠪᠠᠶᠢᠳᠠᠯ ᠤᠨ ᠵᠢᠯᠣᠭᠤᠳᠣᠯᠭ᠎ᠠ ᠲᠣᠣᠷ᠎ᠠ ᠮᠠᠨ ᠤ ᠬᠤᠰᠢᠭᠤᠨ ᠤ ᠣᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠬᠡ ᠶᠢᠨ ᠬᠡᠷᠡᠭᠵᠢᠭᠦᠯᠦᠯᠳᠠ ᠶᠡᠷᠦᠩᠬᠡᠢ ᠳᠡᠭᠡᠨ ᠰᠠᠶᠢᠨ ᠶᠠᠪᠣᠭᠳᠠᠪᠠ᠃ ᠭᠡᠪᠡᠴᠦ ᠮᠠᠨ ᠤ ᠬᠤᠰᠢᠭᠤᠨ ᠤ ᠠᠵᠣ ᠠᠬᠤᠢ ᠶᠢᠨ ᠡᠷᠬᠢᠯᠳᠠ ᠳᠤ ᠮᠦᠨ ᠯᠡ ᠬᠦᠴᠢᠷ ᠪᠡᠷᠬᠡ ᠪᠣᠯᠣᠨ ᠦᠷᠢᠰᠦᠯᠳᠦᠭᠡᠨ ᠲᠣᠯᠭᠠᠷᠠᠵᠣ ᠪᠣᠢ᠃ ᠭᠤᠣᠯᠳᠠᠭᠤ᠄ ᠬᠦᠭᠵᠢᠯᠳᠠ ᠭᠦᠢᠴᠡᠳ ᠪᠣᠰᠣ᠂ ᠠᠵᠣ ᠠᠬᠤᠢ ᠶᠢᠨ ᠶᠡᠷᠦᠩᠬᠡᠢ ᠬᠡᠮᠵᠢᠶ᠎ᠠ ᠪᠠᠭ᠎ᠠ᠂ ᠠᠵᠣ ᠣᠶᠢᠯᠠᠰ ᠤᠨ ᠲᠣᠯᠭᠠᠭᠤᠷᠢᠯᠠᠯ ᠲᠣᠷᠣᠢ᠃ ᠬᠤᠷᠸ᠎ᠠ ᠲᠣᠬᠢᠷᠠᠭᠤᠯᠭ᠎ᠠ᠂ ᠬᠦᠴᠦᠨ ᠵᠣᠶᠢᠯ ᠤᠨ ᠵᠢᠭᠠᠯᠳᠠ ᠵᠡᠷᠭᠡ ᠣᠯᠠᠨ ᠵᠣᠶᠢᠯ  ᠤᠨ ᠡᠯᠧᠮᠧᠨ᠋ᠲ ᠤᠨ ᠨᠦᠯᠦᠭᠡᠯᠡᠯ ᠠᠴᠠ ᠪᠣᠯᠵᠣ᠂ ᠵᠠᠷᠢᠮ ᠰᠢᠨ᠎ᠠ ᠲᠦᠷᠦᠯ ᠵᠣᠶᠢᠯ ᠣᠷᠣᠨᠵᠢᠬᠤ ᠳᠤ ᠬᠦᠴᠢᠷ ᠪᠣᠢ᠃ ᠰᠠᠭᠤᠷᠢ ᠲᠦᠭᠦᠭᠡᠷᠦᠮᠵᠢ ᠪᠣᠯᠣᠨ ᠰᠠᠭᠤᠷᠢ ᠨᠡᠶᠢᠳᠠ ᠶᠢᠨ ᠣᠶᠢᠯᠠᠴᠢᠯᠡᠭᠡ ᠶᠢᠨ ᠪᠠᠳᠣᠯᠠᠭ᠎ᠠ ᠶᠢᠨ ᠲᠦᠪᠰᠢᠨ ᠬᠠᠷᠢᠴᠠᠩᠭᠤᠢ ᠲᠣᠣᠷ᠎ᠠ᠂ ᠠᠮᠢ ᠠᠬᠤᠢ ᠣᠷᠴᠢᠨ ᠮᠦᠨ ᠯᠡ ᠬᠡᠪᠡᠷᠡᠭ ᠪᠣᠢ᠃ ᠡᠳᠡᠭᠡᠷ ᠬᠦᠴᠢᠷᠳᠡᠯ ᠪᠣᠯᠣᠨ ᠠᠰᠠᠭᠤᠳᠠᠯ ᠢ ᠪᠢᠳᠠ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠬᠤᠶᠢᠰᠢᠳᠠ ᠶᠢᠨ ᠠᠵᠢᠯ ᠲᠣᠮᠳᠠ ᠪᠠᠨ ᠬᠢᠨᠠᠮᠠᠭᠠᠢ ᠰᠢᠢᠤᠨᠪᠤᠷᠢᠯᠡᠬᠦ ᠴᠢᠬᠤᠯᠠ ᠲᠠᠢ ᠪᠤᠢ᠃    ᠬᠤᠶᠠᠷ᠂ 2016 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠠ ᠭᠤᠤᠯ ᠡᠬᠦᠷᠬᠡ    ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠪᠠ ᠮᠠᠨ ᠤ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠦᠨᠳᠦᠰᠦᠯᠡᠨ᠂ ᠬᠤᠷᠸ᠎ᠠ ᠬᠦᠴᠦᠨ ᠵᠣᠶᠢᠯ ᠪᠣᠯᠣᠨ ᠮᠠᠨ ᠤ ᠬᠤᠰᠢᠭᠤᠨ ᠤ ᠪᠣᠳᠠᠳᠦ ᠪᠠᠶᠢᠳᠠᠯ ᠠᠴᠠ ᠶᠡᠷᠤᠩᠬᠡᠶᠢᠯᠡᠨ ᠪᠤᠳᠤᠯᠬᠢᠯᠡᠵᠤ᠂ 2016 ᠤᠨ ᠤ ᠪᠦᠬᠦ ᠬᠤᠰᠢᠭᠤᠨ ᠤ ᠤᠯᠤᠰ ᠠᠷᠠᠤᠨ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠶᠢ ᠲᠣᠭᠳᠠᠭᠠᠪᠠ᠃—— ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 139 ᠳ᠋ᠦᠩᠰᠢᠭᠤᠷ ᠲᠦᠬᠦᠷᠢᠭ ᠬᠦᠷᠬᠡᠵᠤ᠂ 8% ᠦᠰᠬᠡᠨ᠎ᠠ︔—— ᠨᠠᠶᠢᠬᠡᠮ ᠤᠨ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 267 ᠳ᠋ᠦᠩᠰᠢᠭᠤᠷ ᠲᠦᠬᠦᠷᠢᠭ ᠬᠦᠷᠬᠡᠵᠤ᠂ 15% ᠦᠰᠬᠡᠨ᠎ᠠ︔—— ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 17.3 ᠳ᠋ᠦᠩᠰᠢᠭᠤᠷ ᠲᠦᠬᠦᠷᠢᠭ ᠬᠦᠷᠬᠡᠵᠤ᠂ 8% ᠦᠰᠬᠡᠨ᠎ᠠ︔ —— ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠭᠡᠢ ᠥᠷᠳᠡᠭ ᠢ 22.2 ᠳ᠋ᠥᠩᠰᠢᠭᠤᠷ ᠲᠥᠭᠦᠷᠢᠭ ᠭᠥᠷᠭᠡᠵᠥ᠂ 9% ᠥᠰᠭᠡᠨ᠎ᠡ︔—— ᠬᠤᠳᠠ ᠪᠠᠯᠭᠠᠰᠣ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 38744 ᠲᠦᠬᠦᠷᠢᠭ ᠭᠥᠷᠭᠡᠵᠥ᠂ 9% ᠦᠰᠬᠡᠨ᠎ᠠ᠃—— ᠮᠠᠯᠵᠢᠬᠤ ᠳᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ 16096 ᠲᠦᠬᠦᠷᠢᠭ ᠬᠦᠷᠬᠡᠵᠤ᠂ 11% ᠦᠰᠬᠡᠨ᠎ᠠ᠃2016 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠡᠬᠢᠯᠠᠯᠳᠠ ᠶᠢᠨ ᠵᠢᠯ᠂ ᠬᠠᠩᠭᠠᠯᠭ᠎ᠠ ᠶᠢᠨ ᠳᠡᠯ᠎ᠠ ᠶᠢᠨ ᠪᠦᠳᠤᠴᠠ ᠶᠢᠨ ᠴᠢᠨᠠᠷᠳᠤ ᠦᠬᠡᠷᠡᠴᠢᠯᠠᠯᠳᠠ ᠶᠢᠨ ᠰᠢᠪᠳᠣᠯᠣᠯᠳᠠ ᠶᠢᠨ ᠵᠢᠯ ᠪᠤᠯᠤᠨ᠎ᠠ᠃ ᠳᠡᠬᠡᠷ᠎ᠠ ᠳᠤᠷᠠᠳᠤᠭᠰᠡᠨ ᠬᠠᠷᠠᠯᠳᠠ ᠪᠠᠨ ᠪᠡᠶᠡᠯᠡᠬᠦᠯᠬᠦ ᠳᠤ ᠡᠷᠬᠡᠪᠰᠢ ᠤᠯᠤᠰ᠂ ᠤᠷᠤᠨ ᠪᠤᠯᠤᠨ ᠬᠤᠳᠠ  ᠶᠢᠨ ︽ᠠᠷᠪᠠᠨ ᠭᠤᠷᠪᠠᠳᠤᠭᠠᠷ ᠳᠠᠪᠤᠨ ᠵᠢᠯ︾ ᠤᠨ ᠪᠠᠶᠢᠷᠢᠯᠠᠭᠤᠯᠤᠯᠳᠠ ᠶᠢ ᠬᠦᠨᠵᠡᠬᠡᠢ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠳᠠᠪᠤᠳᠤᠭᠠᠷ ᠪᠦᠬᠦᠳᠠ ᠬᠤᠷᠠᠯ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠳᠤᠬᠡᠷ ᠬᠤᠭᠤᠴᠠᠭᠠᠨ ᠤ ᠠᠷᠪᠠᠨ ᠲᠦᠷᠪᠡᠳᠤᠬᠡᠷ ᠤᠳᠠᠭᠠᠨ ᠤ ᠪᠦᠬᠦ ᠬᠡᠰᠢᠬᠦᠤᠨ ᠤᠨ ᠬᠤᠷᠠᠯ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ  ᠤᠨ ᠬᠤᠷᠠᠯ ᠪᠤᠯᠤᠨ ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠬᠤᠭᠤᠴᠠᠭᠠᠨ ᠤ ᠳᠤᠯᠤᠳᠤᠭᠠᠷ ᠤᠳᠠᠭᠠᠨ ᠤ ᠪᠦᠬᠦ ᠬᠡᠰᠢᠬᠦᠤᠨ ᠤᠨ ᠬᠤᠷᠠᠯ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠶᠢᠰᠤᠳᠤᠬᠡᠷ ᠤᠳᠠᠭ᠎ᠠ ᠶᠢᠨ ᠪᠦᠬᠦ ᠬᠡᠰᠢᠬᠦᠤᠨ ᠤᠨ ᠬᠤᠷᠠᠯ᠂ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠪᠦᠬᠦ ᠬᠤᠰᠢᠭᠤᠨ ᠤ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠦᠯᠤᠪᠯᠡᠭᠡ ᠶᠢ ᠬᠡᠷᠡᠭᠵᠢᠬᠦᠯᠤᠨ᠂ ᠬᠦᠴᠢᠷ  ᠢ ᠰᠢᠪᠳᠤᠯᠤᠨ᠂ ᠳᠤᠳᠠᠭᠳᠠᠯ ᠢᠶᠠᠨ ᠨᠦᠬᠦᠵᠤ᠂ ᠰᠠᠭᠤᠷᠢ ᠶᠢ ᠪᠠᠬᠢᠵᠢᠬᠦᠯᠤᠨ᠂ ᠲᠦᠷᠤᠯ ᠵᠦᠢᠯ ᠢ ᠠᠤᠨᠬᠤᠵᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠦᠷᠬᠦᠯᠵᠢᠬᠦᠶᠢᠴᠠ ᠡᠷᠡᠬᠦᠯ ᠳᠤᠭᠳᠠᠭᠤᠨ ᠬᠦᠭᠵᠢᠯᠳᠠ ᠶᠢ ᠠᠬᠢᠭᠤᠯᠤᠨ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠦᠬᠦᠷᠡᠩ ᠠᠮᠵᠢᠯᠳᠠ ᠶᠢ ᠪᠡᠶᠡᠯᠡᠬᠦᠯᠤᠨ᠎ᠠ    ︵ᠨᠢᠬᠡ︶ ᠬᠦᠭᠵᠢᠯᠳᠠ ᠶᠢᠨ ᠬᠡᠪ ᠤᠨ ᠪᠠᠶᠢᠳᠠᠯ ᠳᠤ ᠵᠤᠬᠢᠴᠠᠭᠤᠯᠤᠨ᠂ ᠠᠵᠤ ᠠᠬᠤᠢ ᠶᠢᠨ ᠳᠤᠭᠳᠠᠭᠤᠨ ᠨᠡᠮᠡᠭᠳᠡᠯ ᠢ ᠠᠬᠢᠭᠤᠯᠤᠨ᠎ᠠ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠳᠤᠭᠳᠠᠭᠠᠭᠰᠡᠨ ᠭᠤᠤᠯᠳᠠᠯᠭᠠᠳᠤ ᠲᠦᠷᠤᠯ ᠵᠦᠢᠯ ᠪᠠ ᠭᠤᠤᠯ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠵᠤᠬᠢᠴᠠᠭᠤᠯᠭ᠎ᠠ ᠤᠶᠢᠯᠡᠴᠢᠯᠡᠭᠡ ᠶᠢ ᠰᠠᠶᠢᠳᠤᠷ ᠬᠢᠵᠤ᠂ ᠴᠢᠬᠤᠯᠠ ᠶᠡᠭᠡ ᠲᠦᠷᠤᠯ ᠵᠦᠢᠯ ᠤᠨ ᠬᠦᠭᠵᠢᠯᠳᠠ ᠪᠠᠷ ᠳᠠᠶᠢᠴᠢᠯᠠᠬᠤ ᠤᠶᠢᠯᠡᠳᠤᠯ ᠢ ᠬᠦᠢᠴᠡᠤᠨ ᠪᠠᠳᠠᠷᠠᠭᠤᠯᠤᠨ᠂ ᠡᠯ᠎ᠡ ᠠᠵᠢᠯ ᠤᠨ ᠳᠤᠭᠳᠠᠭᠤᠨ ᠠᠬᠢᠯᠳᠠ ᠶᠢ ᠪᠡᠶᠡᠯᠡᠬᠦᠯᠤᠨ᠎ᠠ᠃—— ᠲᠦᠷᠤᠯ ᠵᠦᠢᠯ ᠤᠨ ᠪᠡᠯᠡ ᠤᠷᠤᠭᠤᠯᠤᠯᠳᠠ ᠶᠢᠨ ᠬᠦᠴᠤᠯᠡᠴᠠ ᠶᠢ ᠪᠠᠳᠤᠯᠠᠨ᠎ᠠ᠃ ᠲᠦᠪ ᠤᠨ ︽ᠲᠠᠪᠣᠨ ᠶᠡᠭᠡ ᠲᠦᠷᠦ ᠶᠢᠨ ᠪᠣᠳᠣᠯᠭ᠎ᠠ ᠶᠢᠨ ᠲᠣᠯᠭᠠᠭᠤᠷᠢᠯᠠᠯ︾᠂ ︽ᠭᠤᠷᠪᠠ ᠶᠢ ᠴᠤᠮᠬᠠᠤᠨᠬᠠᠨ ᠨᠢᠬᠡ ᠶᠢ ᠪᠠᠭᠤᠷᠠᠭᠤᠯᠤᠨ ᠨᠢᠬᠡ ᠶᠢ ᠨᠦᠬᠦᠬᠦ︾ ᠳᠤ ᠠᠩᠬᠠᠷᠤᠯ ᠢᠶᠠᠨ ᠲᠦᠪᠯᠡᠷᠡᠬᠦᠯᠵᠤ᠂ ᠬᠠᠩᠭᠠᠯᠭ᠎ᠠ ᠶᠢᠨ ᠳᠠᠯ᠎ᠠ ᠶᠢᠨ ᠪᠦᠳᠤᠴᠠ ᠶᠢᠨ ᠴᠢᠨᠠᠷᠳᠤ ᠦᠬᠡᠷᠡᠴᠢᠯᠡᠯᠳᠠ᠂ ᠲᠦᠪ᠂ ᠦᠪᠡᠷᠳᠡᠬᠡᠨ ᠵᠠᠰᠠᠬᠤ ᠤᠷᠤᠨ᠂ ᠪᠦᠬᠦ ᠬᠤᠳᠠ ᠠᠴᠠ ᠤᠳᠤᠬᠠᠨ ᠳᠤ ᠭᠠᠷᠭᠠᠬᠤ ᠬᠡᠵᠤ ᠪᠠᠶᠢᠭ᠎ᠠ ᠰᠢᠷᠢᠰ ᠲᠦᠷᠤ ᠶᠢᠨ ᠪᠤᠳᠤᠯᠭ᠎ᠠ ᠶᠢ ᠪᠠᠳᠤ ᠡᠵᠡᠮᠳᠡᠵᠤ᠂ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠣᠭᠳᠣᠯᠣᠯᠴᠠᠯ ᠢ ᠤᠨᠤᠪᠴᠢᠳᠠᠢ ᠡᠵᠡᠮᠰᠢᠵᠤ᠂ ᠤᠷᠢᠤᠨᠴᠢᠯᠠᠨ ᠲᠦᠰᠤᠪᠯᠡᠨ ᠵᠤᠬᠢᠴᠠᠭᠤᠯᠵᠤ᠂ ᠲᠦᠷᠤᠯ ᠵᠦᠢᠯ ᠤᠨ ᠨᠦᠬᠡᠴᠡᠯᠡᠯ ᠢ ᠰᠢᠯᠢᠳᠡᠭᠵᠢᠬᠦᠯᠤᠨ᠂ ︽ᠭᠤᠷᠪᠠᠨ ᠵᠢᠯ ᠤᠨ ᠡᠷᠬᠢᠯᠳᠠ︾ ᠲᠦᠯᠤᠪᠯᠡᠭᠡ ᠶᠢ ᠰᠠᠶᠢᠳᠤᠷ ᠬᠡᠷᠡᠭᠵᠢᠬᠦᠯᠵᠤ᠂ ᠳ᠋ᠦᠩᠰᠢᠭᠤᠷ ᠲᠦᠬᠦᠷᠢᠭ ᠠᠴᠠ ᠳᠡᠬᠡᠭᠰᠢᠬᠢ ᠭᠤᠤᠯᠳᠠᠯᠭᠠᠳᠤ ᠲᠦᠷᠤᠯ ᠵᠦᠢᠯ ᠢ ᠱᠠᠯᠠᠪᠳᠠᠭᠤᠯᠤᠨ ᠠᠬᠢᠭᠤᠯᠤᠨ ᠤᠷᠤᠨᠵᠢᠭᠤᠯᠵᠤ᠂ ᠰᠠᠭᠤᠷᠢ᠂ ᠬᠤᠳᠠ ᠪᠠᠯᠭᠠᠰᠤ᠂ ᠠᠷᠠᠤᠨ ᠤᠨ ᠠᠮᠢᠳᠤᠷᠠᠯ᠂ ᠨᠠᠶᠢᠬᠡᠮ ᠤᠨ ᠤᠶᠢᠯᠡᠰ᠂ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠵᠡᠷᠬᠡ ᠳᠠᠯ᠎ᠠ ᠪᠠᠷ ᠳᠠᠬᠢᠨᠳᠠ ᠲᠦᠰᠤᠪᠯᠡᠵᠤ ᠳᠡᠬᠦᠯᠳᠡᠷᠵᠢᠬᠦᠯᠤᠨ ᠠᠬᠢᠭᠤᠯᠵᠤ᠂ ᠲᠦᠰᠤᠪᠯᠡᠪᠡᠯ ᠮᠡᠳᠡᠬᠦᠯᠤᠨ ᠵᠦᠪᠰᠢᠶᠡᠷᠡᠬᠦᠯᠬᠦ᠂ ᠤᠷᠤᠨᠵᠢᠭᠤᠯᠬᠤ᠂ ᠪᠠᠶᠢᠭᠤᠯᠬᠤ ᠤᠬᠢ ᠰᠠᠶᠢᠨ ᠡᠷᠬᠢᠯᠳᠠ ᠶᠢ ᠪᠦᠷᠢᠯᠳᠤᠬᠦᠯᠤᠨ᠎ᠠ᠃—— ᠪᠡᠯᠡ ᠤᠷᠤᠭᠤᠯᠤᠨ ᠨᠠᠶᠢᠯᠡᠬᠦᠯᠬᠦ ᠵᠠᠮ ᠮᠦᠷ ᠢ ᠰᠢᠨᠠᠴᠢᠯᠡᠨ᠎ᠠ᠃ ᠨᠠᠶᠢᠬᠡᠮ ᠤᠨ ᠪᠡᠯᠡ ᠤᠷᠤᠭᠤᠯᠤᠯᠳᠠ ᠶᠢᠨ ᠨᠦᠯᠤᠬᠡᠯᠡᠯ ᠢ ᠪᠠᠳᠠᠷᠠᠭᠤᠯᠵᠤ᠂ PPP᠂ ᠵᠢᠬᠡᠯᠡᠯᠬᠡ ᠶᠢᠨ ᠬᠦᠤ ᠮᠦᠩᠬᠦ ᠶᠢ ᠨᠢ ᠲᠦᠯᠤᠬᠦ᠂ ᠬᠤᠷᠰᠢᠨ ᠠᠵᠢᠯᠯᠠᠵᠤ ᠨᠡᠬᠡᠬᠡᠬᠦ ᠵᠡᠷᠬᠡ ᠤᠯᠠᠨ ᠵᠦᠢᠯ ᠤᠨ ᠠᠷᠭ᠎ᠠ ᠶᠢ ᠢᠳᠡᠪᠬᠢᠳᠠᠢ ᠡᠷᠢᠯᠬᠢᠯᠡᠵᠤ᠂ ᠤᠯᠤᠰ᠂ ᠦᠪᠡᠷᠳᠡᠬᠡᠨ ᠵᠠᠰᠠᠬᠤ ᠤᠷᠤᠨ ᠤ ᠬᠤᠷᠸ᠎ᠠ ᠳᠤᠬᠢᠷᠠᠭᠤᠯᠭ᠎ᠠ ᠶᠢᠨ ᠲᠦᠷᠤ ᠶᠢᠨ ᠪᠤᠳᠤᠯᠭ᠎ᠠ ᠶᠢ ᠡᠵᠡᠮᠳᠡᠵᠤ᠂ ᠮᠦᠩᠬᠦᠨ ᠬᠦᠢᠯᠬᠡᠬᠡᠨ ᠤ ᠳᠡᠮᠵᠢᠯᠬᠡ ᠶᠢ ᠢᠳᠡᠪᠬᠢᠯᠡᠨ ᠤᠯᠵᠤ᠂ ᠪᠠᠶᠢᠭᠤᠯᠤᠯᠳᠠ ᠶᠢᠨ ᠪᠡᠯᠡ ᠮᠦᠩᠬᠦ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠲᠦᠷᠤᠯ ᠵᠦᠢᠯ ᠤᠨ ᠤᠷᠣᠭᠰᠢᠳᠠᠢ ᠠᠬᠢᠬᠤ ᠶᠢ ᠪᠠᠳᠤᠯᠠᠨ᠎ᠠ᠃ ᠠᠷᠠᠯᠵᠢᠶᠠᠴᠢᠨ ᠤᠷᠢᠵᠤ ᠪᠡᠯᠡ ᠳᠠᠳᠠᠬᠤ ᠬᠦᠴᠤᠯᠡᠴᠠ ᠪᠠᠨ ᠨᠡᠮᠡᠭᠳᠡᠬᠦᠯᠤᠨ᠂ ᠭᠠᠳᠠᠨ᠎ᠠ ᠭᠠᠵᠠᠷ ᠠᠴᠠ ᠠᠷᠠᠯᠵᠢᠶᠠᠴᠢᠨ ᠤᠷᠢᠬᠤ᠂ ᠳᠤᠭᠳᠠᠮᠠᠯ ᠴᠢᠭᠯᠡᠯ ᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠨ ᠤ ᠶᠠᠪᠤᠳᠠᠯ ᠢᠶᠠᠷ ᠠᠷᠠᠯᠵᠢᠶᠠᠴᠢᠨ ᠤᠷᠢᠬᠤ᠂ ᠠᠵᠤ ᠤᠶᠢᠯᠡᠰ ᠢᠶᠠᠷ ᠬᠤᠯᠪᠤᠭᠠᠯᠠᠨ ᠤᠷᠢᠬᠤ ᠵᠡᠷᠬᠡ ᠠᠷᠭ᠎ᠠ ᠬᠡᠯᠪᠡᠷᠢ ᠢ ᠬᠡᠷᠡᠭᠯᠡᠨ᠂ ᠠᠷᠠᠯᠵᠢᠶᠠᠴᠢᠨ ᠤᠷᠢᠵᠤ ᠪᠡᠯᠡ ᠬᠤᠷᠠᠮᠳᠤᠭᠤᠯᠬᠤ ᠨᠦᠬᠦᠴᠡᠯ ᠢᠶᠠᠨ ᠰᠢᠯᠢᠳᠡᠭᠵᠢᠬᠦᠯᠵᠤ᠂ ᠶᠡᠭᠡ ᠲᠦᠷᠤᠯ ᠵᠦᠢᠯ ᠤᠨ ᠤᠷᠤᠨᠵᠢᠯᠳᠠ ᠪᠠ ᠪᠠᠭ᠎ᠠ ᠲᠦᠷᠤᠯ ᠵᠦᠢᠯ ᠤᠨ ᠬᠡᠷᠡᠭᠵᠢᠬᠦᠯᠤᠯᠳᠠ ᠳᠤ ᠤᠬᠢ ᠰᠠᠶᠢᠨ ᠬᠦᠭᠵᠢᠯᠳᠠ ᠶᠢᠨ ᠤᠷᠴᠢᠨ ᠤᠯᠭᠤᠨ᠎ᠠ᠃—— ᠠᠵᠤ ᠠᠬᠤᠶᠢᠯᠠᠯ ᠤᠨ ᠠᠵᠢᠯᠯᠠᠭᠠᠨ ᠤ ᠦᠪᠡᠷ ᠤᠨ ᠦᠷᠳᠡᠭ ᠢ ᠪᠠᠭᠠᠰᠬᠠᠨ᠎ᠠ᠃ ᠤᠯᠤᠰ᠂ ᠤᠷᠤᠨ᠂ ᠬᠤᠳᠠ ᠶᠢᠨ ᠵᠠᠰᠠᠭ ᠢ ᠴᠤᠮᠬᠠᠤᠨᠬᠠᠨ᠂ ᠡᠷᠬᠡ ᠶᠢ ᠳᠠᠯᠪᠢᠬᠤ᠂ ᠭᠠᠶᠢᠯᠢ ᠶᠢ ᠪᠠᠭᠠᠰᠬᠠᠨ᠂ ᠵᠠᠷᠣᠳᠠᠯ ᠢ ᠪᠠᠭᠤᠷᠠᠭᠤᠯᠬᠤ᠂ ᠮᠦᠩᠬᠦᠨ ᠬᠦᠢᠯᠬᠡᠬᠡᠨ ᠤ ᠳᠡᠮᠵᠢᠯᠬᠡ ᠵᠡᠷᠬᠡ ᠳᠠᠯ᠎ᠠ ᠶᠢᠨ ᠲᠦᠷᠤ ᠶᠢᠨ ᠪᠤᠳᠤᠯᠭ᠎ᠠ ᠶᠢ ᠳᠤᠤᠱᠯᠠᠭᠤᠯᠤᠨ ᠪᠤᠳᠠᠳᠠᠶᠢᠵᠢᠭᠤᠯᠵᠤ᠂ ᠠᠵᠤ ᠠᠬᠤᠶᠢᠯᠠᠯ ᠤᠨ ᠭᠠᠶᠢᠯᠢ ᠶᠢᠨ ᠵᠠᠷᠣᠳᠠᠯ ᠤᠨ ᠦᠪᠡᠷ ᠤᠨ ᠦᠷᠳᠡᠭ᠂ ᠤᠶᠢᠯᠡᠤᠨᠪᠤᠷᠢᠯᠡᠯ ᠤᠨ ᠦᠪᠡᠷ ᠤᠨ ᠦᠷᠳᠡᠭ ᠢ ᠪᠠᠭᠠᠰᠬᠠᠬᠤ ᠵᠡᠷᠬᠡ ᠳᠠᠯ᠎ᠠ ᠠᠴᠠ ᠭᠠᠷᠳᠠᠵᠤ᠂ ︽ᠨᠢᠬᠡ ᠴᠤᠩᠬᠤ ᠪᠠᠷ ᠬᠦᠯᠢᠶᠡᠨ ᠠᠪᠬᠤ︾᠂ ᠰᠦᠯᠵᠢᠶᠡᠨ ᠳᠡᠬᠡᠷ᠎ᠠ ᠬᠢᠨᠠᠨ ᠴᠣᠬᠤᠯᠠᠪᠦᠷᠢᠯᠠᠬᠤ ᠪᠠ ᠬᠠᠮᠳᠤᠷᠠᠨ ᠬᠢᠨᠠᠨ ᠴᠣᠬᠤᠯᠠᠪᠦᠷᠢᠯᠠᠬᠤ ᠬᠡᠷᠡᠭᠵᠢᠬᠦᠯᠤᠯᠳᠠ ᠶᠢ ᠲᠦᠷᠬᠡᠤᠨᠬᠡᠨ᠂ ᠵᠠᠭᠤᠴᠢ ᠤᠶᠢᠯᠡᠴᠢᠯᠡᠭᠡ ᠶᠢ ᠲᠦᠷᠢᠮᠵᠢᠬᠦᠯᠵᠤ᠂ ᠵᠠᠷᠤᠳᠠᠯ ᠬᠤᠷᠢᠶᠠᠯᠳᠠ ᠶᠢᠨ ᠳᠠᠩᠰᠠ ᠢᠯᠡᠰᠢᠬᠦᠯᠬᠦ ᠲᠦᠷᠢᠮ ᠢ ᠳᠡᠬᠦᠯᠳᠡᠷᠵᠢᠬᠦᠯᠵᠤ᠂ ᠤᠶᠢᠯᠡᠴᠢᠯᠡᠭᠡ ᠶᠢᠨ ᠵᠠᠷᠤᠳᠠᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠤᠨ᠂ ᠠᠵᠤ ᠠᠬᠤᠶᠢᠯᠡᠯ ᠤᠨ ᠦᠪᠡᠷ ᠤᠨ ᠦᠷᠳᠡᠭ ᠢ ᠠᠷᠪᠢᠯᠠᠨ᠎ᠠ᠃ ᠴᠠᠬᠢᠯᠭᠠᠨ ᠤ ᠨᠦᠬᠦᠪᠤᠷᠢ᠂ ᠰᠢᠳᠠᠮᠠᠬᠠᠢ ᠬᠡᠢ ᠶᠢᠨ ᠬᠠᠷᠠᠭᠠᠯᠵᠠᠯ ᠤᠨ ᠪᠤᠳᠤᠯᠭ᠎ᠠ ᠵᠡᠷᠬᠡ ᠶᠢ ᠢᠳᠡᠪᠬᠢᠯᠡᠨ ᠤᠯᠵᠤ᠂ ᠠᠵᠤ ᠠᠬᠤᠶᠢᠯᠠᠯ ᠤᠨ ᠴᠢᠬᠤᠯᠠ ᠡᠯᠧᠮᠧᠨ᠋ᠲ ᠤᠨ ᠪᠤᠭᠤᠮᠢ ᠬᠢᠵᠠᠭᠠᠷᠯᠠᠯ ᠢ ᠰᠢᠢᠤᠨᠪᠤᠷᠢᠯᠡᠨ᠎ᠠ᠂    ︵ᠬᠤᠶᠠᠷ︶ ᠠᠵᠤ ᠤᠶᠢᠯᠡᠰ ᠤᠨ ᠪᠦᠳᠤᠴᠠ ᠶᠢ ᠰᠢᠯᠢᠳᠡᠭᠵᠢᠬᠦᠯᠤᠨ᠂ ᠬᠦᠭᠵᠢᠯᠳᠠ ᠶᠢᠨ ᠬᠦᠳᠡᠯᠬᠡᠭᠴᠢ ᠬᠦᠴᠤᠨ ᠢ ᠴᠢᠩᠭᠠᠤᠨᠬᠠᠨ᠎ᠠ᠃ ᠡᠨᠧᠷᠬᠢ ᠶᠢᠨ  ᠬᠠᠩᠭᠠᠯᠭ᠎ᠠ ᠶᠢᠨ ᠳᠠᠯ᠎ᠠ ᠶᠢᠨ ᠦᠬᠡᠷᠡᠴᠢᠯᠠᠯᠳᠠ᠂ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠤᠨ ᠠᠭᠤᠰᠤᠯᠴᠠᠭᠰᠡᠨ ᠬᠦᠭᠵᠢᠯᠳᠠ᠂ ᠠᠵᠤ ᠤᠶᠢᠯᠡᠤᠨᠪᠤᠷᠢ ᠶᠢᠨ ᠪᠦᠳᠤᠴᠠ ᠶᠢᠨ ᠬᠤᠪᠢᠷᠠᠭᠤᠯᠤᠯᠳᠠ ᠶᠢᠨ ᠳᠡᠰ ᠳᠡᠪᠰᠢᠯᠳᠠ ᠶᠢ ᠢᠳᠡᠪᠬᠢᠳᠠᠢ ᠠᠬᠢᠭᠤᠯᠵᠤ᠂ ᠠᠵᠤ ᠤᠶᠢᠯᠡᠰ ᠬᠠᠷᠢᠯᠴᠠᠨ ᠨᠦᠬᠦᠪᠤᠷᠢᠯᠡᠵᠤ᠂ ᠠᠭᠤᠰᠤᠯᠴᠠᠨ ᠬᠠᠮᠳᠤᠷᠠᠭᠰᠡᠨ ᠬᠦᠭᠵᠢᠯᠳᠠ ᠶᠢᠨ ᠳᠤᠭᠳᠠᠯᠴᠠᠭ᠎ᠠ ᠶᠢ ᠪᠦᠷᠢᠯᠳᠤᠬᠦᠯᠤᠨ᠎ᠠ᠃—— ᠴᠢᠬᠤᠯᠠ ᠠᠵᠤ ᠥᠢᠯᠡᠳᠪᠥᠷᠢ ᠶᠢᠨ ᠲᠥᠷᠥᠯ ᠵᠥᠢᠯ ᠤᠨ ᠤᠷᠤᠨᠵᠢᠯᠳᠠ ᠪᠠᠶᠢᠭᠤᠯᠤᠯᠳᠠ ᠶᠢ ᠠᠬᠢᠭᠤᠯᠤᠨ᠎ᠠ᠃ ᠨᠡᠬᠦᠷᠡᠰᠤᠨ ᠴᠠᠬᠢᠯᠭᠠᠨ᠂ ᠨᠡᠬᠦᠷᠡᠰᠤᠨ ᠬᠢᠮᠢ ᠶᠢᠨ ᠠᠵᠤ ᠤᠶᠢᠯᠡᠤᠨᠪᠤᠷᠢ ᠶᠢᠨ ᠲᠦᠷᠤᠯ ᠵᠦᠢᠯ᠂ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ ᠴᠠᠬᠢᠯᠭᠠᠨ ᠬᠦᠷᠬᠡᠯᠳᠠ ᠶᠢᠨ ᠱᠤᠭᠤᠮ ᠢ  ᠱᠠᠯᠠᠪᠳᠠᠭᠤᠯᠣᠨ᠎ᠠ᠃ ᠢᠳᠡᠪᠬᠢᠳᠠᠢ ᠬᠠᠷᠢᠯᠴᠠᠨ ᠵᠤᠬᠢᠴᠠᠭᠤᠯᠵᠤ᠂ ᠤᠯᠤᠰ ᠤᠨ ᠴᠠᠬᠢᠯᠭᠠᠨ ᠤ ᠰᠤᠸᠠᠩ ᠸᠧᠢ᠂ ᠱᠧᠨ ᠬᠤᠸᠠ ᠤᠯᠤᠰ ᠤᠨ ᠡᠨᠧᠷᠬᠢ᠂ ᠱᠧᠩ ᠯᠤ᠋ ᠡᠨᠧᠷᠬᠢ ᠬᠢᠮᠢ᠂ ᠤᠮᠠᠷᠠᠳᠤ ᠶᠢᠨ ᠬᠠᠮᠳᠤᠷᠠᠭᠰᠡᠨ ᠴᠠᠬᠢᠯᠭᠠᠨ ᠬᠦᠴᠤ᠂ ᠤᠯᠤᠰ ᠤᠨ ᠴᠠᠬᠢᠯᠭᠠᠨ ᠡᠨᠧᠷᠬᠢ ᠵᠡᠷᠬᠡ 5 ᠶᠡᠷᠤᠩᠬᠡᠢ ᠴᠤᠭᠴᠠᠯᠠᠪᠤᠷᠢ ᠶᠢᠨ ᠪᠠᠭᠳᠠᠭᠠᠮᠵᠢ ᠨᠢ 1000 ᠲᠦᠮᠡᠨ ᠺᠢᠯᠤᠸᠠᠲ ᠤᠨ ᠴᠠᠬᠢᠯᠭᠠᠨ ᠬᠠᠩᠭᠠᠯᠭ᠎ᠠ ᠶᠢᠨ ᠲᠦᠷᠤᠯ ᠵᠦᠢᠯ ᠤᠨ ᠴᠣᠬᠤᠯᠠᠪᠤᠷᠢᠯᠠᠯ ᠤᠨ ᠠᠬᠢᠴᠠ ᠶᠢ ᠲᠦᠷᠬᠡᠤᠨᠬᠡᠨ᠂ ᠳᠤᠰ ᠵᠢᠯ ᠳᠤ ᠵᠦᠪᠰᠢᠶᠡᠷᠡᠬᠦᠯᠤᠨ᠎ᠠ᠃ ᠬᠤᠸᠠ ᠰᠢᠩ ᠤᠨ 40 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠬᠦᠷᠡᠰᠤᠨ ᠬᠢᠮᠢ ᠶᠢᠨ ᠲᠦᠷᠤᠯ ᠵᠦᠢᠯ ᠢ ᠲᠦᠷᠬᠡᠤᠨᠬᠡᠵᠤ᠂ ᠪᠠᠶᠢᠭᠤᠯᠤᠯᠳᠠ ᠶᠢᠨ  ᠬᠦᠴᠢᠷᠳᠠᠯ ᠢ ᠴᠢᠷᠮᠠᠶᠢᠨ ᠰᠢᠪᠳᠤᠯᠵᠤ ᠳᠠᠷᠤᠶᠢᠬᠠᠨ ᠵᠦᠪᠰᠢᠶᠡᠷᠡᠬᠦᠯᠬᠦ ᠪᠠᠷ ᠴᠢᠷᠮᠠᠶᠢᠨ᠎ᠠ᠃ ᠴᠢᠯᠠᠭᠤᠨ ᠳᠤᠰᠤ ᠰᠢᠳᠠᠮᠠᠬᠠᠢ ᠬᠡᠢ ᠶᠢᠨ ᠲᠦᠷᠤᠯ ᠵᠦᠢᠯ᠂ ᠱᠢ ᠳ᠋ᠠ ᠶᠢᠨ ᠪᠤᠬᠢᠷᠳᠤᠯ ᠦᠬᠡᠢ ᠡᠨᠧᠷᠬᠢ ᠶᠢᠨ ᠨᠢᠬᠡᠳᠤᠬᠡᠷ ᠬᠤᠭᠤᠴᠠᠭᠠᠨ ᠤ 20 ᠲᠦᠮᠡᠨ ᠳᠤᠨ ᠤ LNG ᠶᠢᠨ ᠲᠦᠷᠤᠯ ᠵᠦᠢᠯ ᠢ ᠬᠡᠷᠡᠭᠯᠡᠯᠳᠠ ᠳᠤ ᠤᠷᠤᠭᠤᠯᠵᠤ᠂  ᠺᠧ ᠰᠧ ᠶᠢᠨ 40 ᠲᠦᠮᠡᠨ ᠳᠤᠨ᠂ ᠶᠠ ᠬᠠᠢ ᠶᠢᠨ ᠨᠢᠬᠡᠳᠤᠬᠡᠷ ᠬᠤᠭᠤᠴᠠᠭᠠᠨ ᠤ  30 ᠲᠦᠮᠡᠨ ᠳᠤᠨ LNG ᠶᠢᠨ ᠲᠦᠷᠤᠯ ᠵᠦᠢᠯ ᠢ ᠳᠤᠷᠰᠢᠨ ᠤᠶᠢᠯᠡᠤᠨᠪᠤᠷᠢᠯᠡᠬᠦ ᠨᠦᠬᠦᠴᠡᠯ ᠳᠤ ᠬᠦᠷᠬᠡᠵᠤ᠂ ᠵᠠᠨᠠᠷ ᠤᠨ ᠬᠡᠢ᠂ ᠰᠢᠩᠬᠡᠨᠵᠢᠬᠦᠯᠦᠭᠰᠡᠨ ᠭᠠᠰ ᠵᠡᠷᠬᠡ ᠪᠠᠶᠢᠩᠭᠤ ᠶᠢᠨ ᠪᠤᠰᠤ ᠳᠤᠰᠤ ᠬᠡᠢ ᠶᠢᠨ ᠡᠬᠢ ᠰᠤᠷᠪᠤᠯᠵᠢ ᠶᠢᠨ ᠬᠠᠶᠢᠯᠳᠠ ᠨᠡᠬᠡᠬᠡᠯᠳᠠ ᠶᠢ ᠲᠦᠷᠬᠡᠤᠨᠬᠡᠵᠤ᠂ ᠳᠤᠰᠤᠨ ᠬᠤᠤᠨᠳᠤᠭ ᠤᠨ ᠬᠠᠶᠠᠭᠳᠠᠮᠠᠯ ᠢ ᠰᠢᠢᠤᠨᠪᠤᠷᠢᠯᠡᠬᠦ ᠲᠦᠷᠤᠯ ᠵᠦᠢᠯ ᠪᠤᠯᠤᠨ ᠴᠠᠩ ᠴᠢᠩ ᠤᠨ ᠲᠦᠷᠪᠡᠳᠤᠬᠡᠷ ᠬᠡᠢ ᠶᠢᠨ ᠤᠶᠢᠯᠡᠤᠨᠪᠤᠷᠢ ᠠᠴᠠ ᠤᠯᠵᠠᠴᠢ ᠶᠢᠨ ᠶᠡᠷᠤᠩᠬᠡᠶᠢᠯᠡᠭᠰᠡᠨ ᠠᠵᠤ ᠤᠶᠢᠯᠡᠰ ᠤᠨ ᠬᠦᠷᠢᠶᠡᠯᠡᠩ ᠳᠤ ᠬᠡᠢ ᠬᠦᠷᠬᠡᠬᠦ ᠬᠤᠭᠤᠯᠠᠢ ᠶᠢᠨ ᠪᠠᠶᠢᠭᠤᠯᠤᠯᠳᠠ ᠶᠢ ᠠᠬᠢᠭᠤᠯᠵᠤ᠂ ᠰᠢᠳᠠᠮᠠᠬᠠᠢ ᠬᠡᠢ ᠶᠢᠨ ᠭᠠᠷᠤᠯᠳᠠ ᠶᠢ 55 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠬᠦᠷᠬᠡᠨ᠎ᠠ᠃ ᠨᠡᠬᠦᠷᠡᠰᠤᠨ ᠠᠭᠤᠷᠬᠠᠢ  ᠶᠢᠨ ᠲᠦᠷᠤᠯ ᠵᠦᠢᠯ᠂ ᠨᠡᠬᠦᠷᠡᠰᠤ ᠴᠠᠬᠢᠯᠭᠠᠨ ᠤ ᠬᠤᠯᠪᠤᠭᠠᠳᠤ ᠡᠵᠡᠩᠨᠡᠯᠳᠠ᠂ ᠨᠡᠭᠦᠷᠡᠰᠣᠨ ᠠᠵᠤ ᠠᠬᠤᠶᠢᠯᠠᠯ ᠤᠨ ᠬᠤᠯᠪᠤᠭᠠᠳᠤ ᠡᠵᠡᠩᠨᠡᠯᠳᠠ ᠶᠢ ᠲᠦᠷᠬᠡᠤᠨᠬᠡᠨ᠂ ᠨᠡᠬᠦᠷᠡᠰᠤ᠂ ᠨᠡᠬᠦᠷᠡᠰᠤᠨ ᠴᠠᠬᠢᠯᠭᠠᠨ᠂ ᠨᠡᠬᠦᠷᠡᠰᠤᠨ ᠬᠢᠮᠢ ᠶᠢᠨ ᠠᠵᠤ ᠤᠶᠢᠯᠡᠤᠨᠪᠤᠷᠢ ᠶᠢ ᠠᠭᠤᠰᠤᠯᠴᠠᠭᠤᠯᠤᠨ ᠨᠦᠬᠦᠪᠤᠷᠢᠯᠡᠭᠰᠡᠨ ᠬᠦᠭᠵᠢᠯᠳᠠ ᠶᠢ ᠠᠬᠢᠭᠤᠯᠤᠨ᠎ᠠ᠃ ᠵᠢᠯ ᠤᠨ ᠳᠤᠳᠤᠷ᠎ᠠ ᠪᠠᠶᠢᠭᠤᠯᠵᠤ ᠪᠠᠶᠢᠭ᠎ᠠ ᠨᠡᠬᠦᠷᠡᠰᠤᠨ ᠠᠭᠤᠷᠬᠠᠢ ᠶᠢᠨ ᠶᠡᠷᠤᠩᠬᠡᠢ ᠬᠡᠪᠴᠢᠶᠡᠵᠢᠯ ᠢ 3500 ᠲᠦᠮᠡᠨ ᠳᠤᠨ ᠬᠦᠷᠬᠡᠵᠤ᠂ ᠭᠠᠷᠤᠯᠳᠠ ᠶᠢᠨ ᠬᠡᠮᠵᠢᠶ᠎ᠡ  ᠶᠢ 1500 ᠲᠦᠮᠡᠨ ᠳᠤᠨ ᠬᠦᠷᠬᠡᠨ᠎ᠠ᠃ ᠰᠢᠨ᠎ᠠ ᠡᠨᠧᠷᠬᠢ ᠶᠢᠨ ᠲᠦᠷᠤᠯ ᠵᠦᠢᠯ᠂ ᠴᠠᠬᠢᠯᠭᠠᠨ ᠬᠦᠷᠬᠡᠯᠳᠠ ᠶᠢᠨ ᠱᠤᠭᠤᠮ ᠤᠨ ᠳᠤᠭᠤᠷᠢᠨ ᠳᠤ ᠰᠢᠨ᠎ᠠ ᠡᠨᠧᠷᠬᠢ  ᠶᠢᠨ ᠲᠦᠷᠤᠯ ᠵᠦᠢᠯ ᠢ ᠤᠨᠴᠠᠯᠠᠭᠤᠯᠤᠨ ᠤᠷᠤᠨᠵᠢᠭᠤᠯᠬᠤ ᠶᠢ ᠪᠠᠳᠤᠯᠠᠵᠤ᠂ ᠠᠵᠤ ᠤᠶᠢᠯᠡᠤᠨᠪᠤᠷᠢ ᠶᠢᠨ ᠠᠵᠤ ᠤᠶᠢᠯᠡᠰ ᠤᠨ ᠤᠯᠠᠨ ᠳᠠᠯᠠᠳᠤ ᠬᠦᠭᠵᠢᠯᠳᠠ ᠶᠢ ᠠᠬᠢᠭᠤᠯᠤᠨ᠎ᠠ᠃—— ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠬᠦᠴᠤᠯᠡᠨ ᠬᠦᠭᠵᠢᠬᠦᠯᠤᠨ᠎ᠠ᠃ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠢ ᠠᠵᠤ ᠠᠬᠤᠢ  ᠶᠢᠨ ᠬᠦᠭᠵᠢᠯᠳᠠ ᠶᠢᠨ ᠴᠢᠬᠤᠯᠠ ᠳᠤᠯᠭᠠᠭᠤᠷᠢᠯᠠᠯ ᠪᠤᠯᠭᠠᠵᠤ᠂ ᠰᠢᠨ᠎ᠠ ᠬᠡᠯᠪᠡᠷᠢ ᠶᠢᠨ ᠤᠶᠢᠯᠡᠴᠢᠯᠡᠬᠡᠨ ᠤ ᠠᠷᠭ᠎ᠠ ᠮᠠᠶ᠋ᠢᠭ ᠢ ᠢᠳᠡᠪᠬᠢᠳᠠᠢ ᠬᠦᠮᠤᠵᠢᠬᠦᠯᠤᠨ᠂ ᠤᠶᠢᠯᠡᠴᠢᠯᠡᠬᠡᠨ ᠤ ᠤᠶᠢᠯᠡᠰ ᠤᠨ ᠪᠤᠵᠠᠭᠠᠶᠢᠷᠠᠯ᠂ ᠳᠡᠰ ᠳᠠᠪᠰᠢᠯᠳᠠ ᠶᠢ ᠠᠬᠢᠭᠤᠯᠤᠨ᠎ᠠ᠃ ᠶᠡᠭᠡ ᠳᠤᠬᠤᠢ᠂ ᠵᠢᠷᠠᠨ ᠬᠠᠶᠢᠯᠠᠰᠤ᠂ ᠪᠠᠶᠠᠨᠰᠢᠪᠠᠷ ᠤᠨ ᠴᠠᠶᠢᠳᠠᠮ ᠵᠡᠷᠬᠡ ᠤᠨᠴᠠᠯᠢᠭᠳᠤ ᠦᠵᠡᠮᠵᠢ ᠶᠢᠨ ᠤᠷᠤᠨ ᠢ ᠨᠡᠬᠡᠬᠡᠨ ᠬᠦᠭᠵᠢᠬᠦᠯᠵᠤ᠂ ᠬᠠᠷᠢ ᠵᠢᠷᠭᠤᠭᠠᠨ ᠵᠠᠬᠢᠷᠭ᠎ᠠ ᠶᠢᠨ ᠮᠦᠽᠸᠢ ᠪᠣᠯᠣᠨ ᠶᠠᠨ ᠠᠨ ᠤ ᠦᠨᠳᠤᠰᠤᠳᠠᠨ ᠤ ᠳᠡᠬᠡᠳᠤ ᠰᠤᠷᠭᠠᠭᠤᠯᠢ ᠶᠢᠨ ᠪᠤᠯᠪᠠᠰᠤᠷᠠᠯ ᠤᠨ ᠲᠦᠪ ᠤᠨ ᠪᠠᠶᠢᠭᠤᠯᠤᠯᠳᠠ᠂ ᠶᠢᠤᠵᠸᠤ ᠶᠢᠨ ᠬᠤᠳᠠ ᠶᠢᠨ ᠪᠠᠭᠤᠷᠢ ᠶᠢᠨ ᠬᠠᠮᠠᠭᠠᠯᠠᠯᠳᠠ ᠰᠡᠯᠪᠢᠯᠳᠠ᠂ ᠳᠠᠬᠢᠯᠳᠤ ᠶᠢᠨ ᠠᠵᠢᠯᠯᠠᠬᠤ ᠬᠤᠷᠢᠶᠠᠨ ᠤ ᠦᠭᠡᠷᠡᠴᠢᠯᠡᠯᠳᠠ ᠵᠡᠷᠬᠡ ᠶᠢ ᠬᠡᠷᠡᠭᠵᠢᠬᠦᠯᠵᠤ᠂ ᠤᠯᠵᠠᠴᠢ ᠪᠠᠯᠭᠠᠰᠤᠨ ᠤ ᠵᠢᠭᠤᠯᠴᠢᠤᠨ ᠤᠨ ᠲᠦᠪ᠂ ᠳᠤᠭᠯᠠᠯᠳᠠ ᠶᠢᠨ ᠲᠦᠪ ᠵᠡᠷᠬᠡ ᠶᠢ ᠡᠵᠡᠩᠨᠡᠨ᠂ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ᠂ ᠨᠤᠭᠤ ᠭᠠᠵᠠᠷ ᠤᠨ ᠬᠦᠷᠢᠶᠡᠯᠡᠩ᠂ ᠠᠮᠢ ᠠᠬᠤᠢ ᠶᠢᠨ ᠴᠡᠴᠡᠷᠯᠢᠭ᠂ ᠡᠯᠡᠰᠤ ᠮᠠᠩᠬᠠᠨ ᠴᠡᠴᠡᠷᠯᠢᠭ ᠵᠡᠷᠬᠡ  ᠶᠢᠨ ᠴᠤᠭᠴᠠᠯᠠᠯᠳᠠ ᠶᠢ ᠰᠠᠶᠢᠳᠤᠷ ᠬᠢᠵᠤ᠂ ᠰᠤᠶᠤᠯ ᠵᠢᠭᠤᠯᠴᠢᠯᠠᠯ ᠤᠨ ᠠᠭᠤᠰᠤᠯᠴᠠᠯ ᠬᠤᠯᠪᠤᠭᠠᠯᠠᠯ᠂ ᠲᠦᠪᠯᠡᠷᠡᠩᠬᠦᠢ ᠬᠦᠭᠵᠢᠯᠳᠠ ᠶᠢ ᠠᠬᠢᠭᠤᠯᠤᠨ᠎ᠠ᠃ ᠳᠡᠮᠤᠷ ᠵᠠᠮ᠂ ᠵᠠᠰᠠᠮᠠᠯ ᠵᠠᠮ ᠵᠡᠷᠬᠡ ᠵᠠᠮ ᠬᠠᠷᠢᠯᠴᠠᠭᠠᠨ ᠤ ᠭᠤᠤᠯ ᠱᠤᠭᠤᠮ ᠳᠠᠭᠠᠤ ᠵᠢᠭᠤᠯᠴᠢᠯᠠᠯ ᠤᠨ ᠣᠶᠢᠯᠠᠴᠢᠯᠠᠯ ᠦᠷᠳᠡᠭᠡ ᠪᠠᠶᠢᠭᠤᠯᠵᠤ᠂ ︽ᠲᠦᠪᠯᠡᠷᠡᠩᠬᠦᠢ︾ ᠪᠦᠬᠦ ᠳᠠᠯ᠎ᠠ ᠶᠢᠨ ᠤᠶᠢᠯᠡᠴᠢᠯᠡᠭᠡ ᠶᠢ ᠬᠡᠷᠡᠭᠵᠢᠬᠦᠯᠤᠨ᠎ᠠ᠃ ᠳᠤᠮᠤ ᠠᠵᠤ ᠠᠬᠤᠶᠢᠯᠠᠯ ᠪᠠ ᠳᠤᠮᠤ ᠳᠠᠪᠴᠠᠩ ᠯᠤᠭ᠎ᠠ ᠶᠢᠨ ᠬᠠᠮᠳᠤᠷᠠᠯᠴᠠᠭᠰᠡᠨ ᠡᠵᠡᠩᠨᠡᠯᠳᠠ ᠶᠢ ᠬᠦᠨᠵᠡᠬᠡᠶᠢᠷᠡᠬᠦᠯᠤᠨ᠂ ᠤᠨᠴᠠᠯᠢᠭ ᠳᠤᠳᠤ᠂ ᠬᠡᠯᠪᠡᠷᠢ ᠠᠷᠪᠢᠨ ᠵᠢᠭᠤᠯᠴᠢᠯᠠᠯ ᠤᠨ ᠨᠡᠷ᠎ᠡ ᠳᠡᠮᠳᠡᠭ ᠢ ᠪᠦᠳᠤᠬᠡᠵᠤ᠂ ᠰᠤᠷᠳᠠᠯ ᠤᠬᠠᠭᠤᠯᠭ᠎ᠠ ᠶᠢ ᠴᠢᠩᠭᠠᠤᠨᠬᠠᠨ᠂ ᠴᠢᠬᠤᠯᠠ ᠪᠠᠶᠠᠷ ᠳᠤᠷᠠᠰᠬᠠᠯ ᠤᠨ ᠠᠵᠢᠯ ᠢᠶᠠᠷ ᠨᠡᠷ᠎ᠡ ᠠᠯᠳᠠᠷᠰᠢᠯ ᠢᠶᠠᠨ ᠦᠷᠬᠡᠤᠨᠬᠡᠨ᠎ᠠ᠃ ᠰᠤᠶᠤᠯ ᠤᠨ ᠠᠵᠤ ᠤᠶᠢᠯᠡᠰ ᠤᠨ ᠬᠦᠷᠢᠶᠡᠯᠡᠩ ᠢ ᠠᠵᠢᠯᠯᠠᠭᠤᠯᠵᠤ᠂ ᠤᠯᠵᠠᠴᠢ ᠪᠠᠯᠭᠠᠰᠤᠨ ᠤ ᠶᠡᠷᠤᠩᠬᠡᠶᠢᠯᠡᠭᠰᠡᠨ ᠪᠤᠳᠠᠰ ᠤᠨ ᠬᠦᠢᠯᠬᠡᠬᠡ ᠶᠢᠨ ᠬᠦᠷᠢᠶᠡᠯᠡᠩ᠂ ᠱᠠᠩᠬᠠᠢ ᠶᠢᠨ ᠰᠦᠮ᠎ᠠ ᠨᠡᠬᠦᠷᠡᠰᠤᠨ ᠬᠦᠢᠯᠬᠡᠬᠡ ᠶᠢᠨ ᠬᠦᠷᠢᠶᠡᠯᠡᠩ ᠢ ᠪᠠᠶᠢᠭᠤᠯᠤᠨ᠂ ᠮᠦᠩᠬᠦᠨ ᠬᠦᠢᠯᠬᠡᠬᠡᠨ ᠤ ᠤᠶᠢᠯᠡᠰ ᠢ ᠬᠦᠭᠵᠢᠬᠡᠵᠤ᠂ ᠡᠷᠡᠬᠦᠯᠵᠢᠯ ᠬᠠᠷᠠᠭᠠᠯᠵᠠᠯ ᠰᠤᠪᠢᠯᠠᠯ ᠨᠠᠰᠣᠵᠢᠯ ᠢ ᠴᠢᠬᠤᠯᠠᠴᠢᠯᠠᠨ᠂ ᠡᠷᠡᠬᠦᠯᠵᠢᠯᠬᠡ ᠶᠢᠨ ᠤᠶᠢᠯᠡᠰ ᠤᠨ ᠬᠦᠭᠵᠢᠯᠳᠠ ᠶᠢ ᠲᠦᠷᠬᠡᠤᠨᠬᠡᠨ᠎ᠠ᠃ ᠤᠶᠢᠯᠡᠤᠨᠪᠤᠷᠢᠯᠡᠯ ᠤᠨ ᠴᠢᠨᠠᠷᠳᠠᠢ ᠤᠶᠢᠯᠡᠴᠢᠯᠡᠬᠡᠨ ᠤ ᠤᠶᠢᠯᠡᠰ ᠪᠠ ᠠᠮᠢᠳᠤᠷᠠᠯ ᠤᠨ ᠴᠢᠨᠠᠷᠳᠠᠢ ᠤᠶᠢᠯᠡᠴᠢᠯᠡᠬᠡᠨ ᠤ ᠤᠶᠢᠯᠡᠰ ᠤᠨ ᠵᠤᠬᠢᠴᠠᠩᠭᠤᠢ ᠬᠦᠭᠵᠢᠯᠳᠠ ᠶᠢ ᠠᠬᠢᠭᠤᠯᠤᠨ᠎ᠠ᠃ ᠢᠨᠲ᠋ᠧᠷ ᠰᠦᠯᠵᠢᠶᠠᠨ ᠤ ᠠᠵᠤ ᠠᠬᠤᠢ ᠶᠢ ᠬᠦᠭᠵᠢᠬᠦᠯᠤᠨ᠂ ᠡᠯᠧᠺᠲᠷᠤᠨ ᠠᠷᠠᠯᠵᠢᠶ᠎ᠠ ᠪᠤᠯᠤᠨ ᠭᠤᠷᠪᠠᠳᠤᠭᠠᠷ ᠠᠵᠤ ᠤᠶᠢᠯᠡᠰ ᠤᠨ ᠬᠦᠨᠵᠡᠬᠡᠢ ᠠᠭᠤᠰᠤᠯᠴᠠᠯ ᠢ ᠪᠡᠶᠡᠯᠡᠬᠦᠯᠤᠨ᠎ᠠ᠃—— ᠮᠠᠯ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢᠨ ᠠᠷᠭ᠎ᠠ ᠮᠠᠶ᠋ᠢᠭ ᠢ ᠬᠤᠪᠢᠷᠠᠭᠤᠯᠤᠨ᠎ᠠ᠃ ᠨᠢᠬᠡᠳᠤᠯᠳᠠᠢ ᠲᠦᠯᠤᠪᠵᠢᠬᠦᠯᠬᠦ ᠪᠠ ᠵᠤᠬᠢᠰᠳᠠᠢ ᠪᠠᠶᠢᠷᠢᠯᠠᠭᠤᠯᠬᠤ᠂ ᠳᠤᠬᠠᠢ ᠶᠢᠨ ᠭᠠᠵᠠᠷ ᠳᠤ ᠨᠢ ᠵᠤᠬᠢᠴᠠᠭᠤᠯᠬᠤ ᠶᠢ ᠪᠠᠷᠢᠮᠳᠠᠯᠠᠨ᠂ ᠤᠷᠤᠨ ᠬᠡᠪᠴᠢᠶᠡᠨ ᠤ ᠡᠬᠢ ᠰᠤᠷᠪᠤᠯᠵᠢ ᠶᠢᠨ ᠳᠠᠪᠠᠭᠤᠯᠢᠭ ᠲᠤ ᠰᠠᠭᠤᠷᠢᠯᠠᠨ᠂ ᠤᠨᠴᠠᠯᠢᠭᠳᠤ ᠳᠠᠷᠢᠵᠤ ᠳᠡᠵᠢᠬᠡᠬᠦ ᠤᠶᠢᠯᠡᠰ ᠪᠠ ᠠᠮᠢ ᠠᠬᠤᠶᠢᠴᠢ ᠮᠠᠯᠵᠢᠬᠤ ᠤᠶᠢᠯᠡᠰ ᠢ ᠬᠦᠭᠵᠢᠬᠦᠯᠵᠤ᠂ ᠤᠶᠢᠷ᠎ᠠ ᠬᠠᠪᠢ ᠶᠢ ᠳᠠᠶᠢᠴᠢᠯᠠᠨ ᠢᠷᠭᠠᠢ ᠳᠤ ᠤᠶᠢᠯᠡᠴᠢᠯᠡᠵᠤ ᠪᠦᠬᠦ ᠤᠯᠤᠰ ᠲᠤ ᠬᠠᠨᠳᠤᠭᠤᠯᠤᠭᠰᠡᠨ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠡᠳ᠋ᠰᠢᠬᠦᠯᠤᠯ ᠪᠤᠯᠪᠠᠰᠤᠷᠠᠭᠤᠯᠤᠯ ᠤᠨ ᠰᠠᠭᠤᠷᠢᠨ ᠢ ᠴᠤᠭᠴᠠᠯᠠᠨ᠎ᠠ᠃ ᠮᠠᠯ ᠳᠠᠷᠢᠶᠠᠯᠠᠩ ᠤᠨ ᠳᠠᠷᠢᠵᠤ ᠳᠡᠵᠢᠬᠡᠬᠦ ᠠᠷᠠᠴᠢᠯᠠᠬᠤ ᠪᠦᠳᠤᠴᠠ ᠶᠢ ᠰᠢᠯᠢᠳᠡᠭᠵᠢᠬᠦᠯᠤᠨ᠂ ᠡᠪᠡᠰᠤ ᠪᠤᠷᠳᠤᠭᠠᠨ ᠤ ᠬᠠᠷᠢᠴᠠᠯ ᠢ ᠵᠤᠬᠢᠰᠳᠠᠢ ᠳᠤᠬᠢᠷᠠᠭᠤᠯᠤᠨ᠎ᠠ᠃ ᠪᠦᠬᠦ ᠵᠢᠯ ᠳᠤ᠂ ᠠᠮᠢ ᠠᠬᠤᠶᠢᠴᠢ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ 40᠂ ᠳᠡᠵᠢᠬᠡᠨ ᠦᠷᠡᠵᠢᠬᠦᠯᠬᠦ ᠡᠷᠤᠬᠡ ᠶᠢ 200 ᠪᠠᠶᠢᠭᠤᠯᠬᠤ ᠪᠠᠷ ᠴᠢᠷᠮᠠᠶᠢᠨ᠎ᠠ᠃ ᠴᠢᠩᠭ᠎ᠠ ᠦᠷᠢᠰᠬᠦ ᠬᠦᠴᠤᠨ ᠪᠦᠬᠦᠢ ᠳᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ᠂ ᠳᠤᠯᠤᠭᠠᠶᠢᠯᠠᠬᠤ ᠠᠵᠤ ᠠᠬᠤᠢ ᠪᠠᠷ ᠵᠢᠯᠤᠳᠤᠭᠤᠯᠤᠨ ᠰᠢᠨ᠎ᠠ ᠬᠡᠯᠪᠡᠷᠢ  ᠶᠢᠨ ᠮᠠᠯ ᠳᠠᠷᠢᠶᠠᠯᠠᠩ ᠤᠨ ᠤᠶᠢᠯᠡᠰ ᠤᠨ ᠬᠠᠮᠳᠤᠷᠠᠯ ᠵᠤᠬᠢᠶᠠᠨ ᠪᠠᠶᠢᠭᠤᠯᠤᠯᠳᠠ ᠶᠢ ᠬᠦᠭᠵᠢᠬᠦᠯᠵᠤ᠂ ᠮᠠᠯ ᠳᠠᠷᠢᠶᠠᠯᠠᠩ ᠤᠨ ᠤᠶᠢᠯᠡᠰ ᠤᠨ ᠬᠡᠪᠴᠢᠶᠡᠵᠢᠯ᠂ ᠡᠷᠴᠢᠮᠵᠢᠯ ᠂ ᠨᠡᠷᠡᠳᠤ ᠳᠡᠮᠳᠡᠭᠵᠢᠯ ᠤᠨ ᠬᠦᠭᠵᠢᠯᠳᠠ ᠶᠢᠨ ᠲᠦᠪᠰᠢᠨ ᠢ ᠳᠡᠬᠡᠭᠰᠢᠯᠡᠬᠦᠯᠤᠨ᠎ᠠ᠃ ᠳᠤᠰ ᠵᠢᠯ ᠳᠤ᠂ ᠦᠪᠡᠷᠳᠡᠬᠡᠨ ᠵᠠᠰᠠᠬᠤ ᠤᠷᠤᠨ ᠤ ᠳᠡᠰ ᠤᠨ ᠳᠤᠯᠤᠭᠠᠶᠢᠯᠠᠬᠤ ᠠᠵᠤ ᠠᠬᠤᠶᠢᠯᠡᠯ ᠢ 2᠂ ᠬᠤᠳᠠ ᠶᠢᠨ ᠳᠡᠰ ᠤᠨ ᠳᠤᠯᠤᠭᠠᠶᠢᠯᠠᠬᠤ ᠠᠵᠤ ᠠᠬᠤᠶᠢᠯᠡᠯ ᠢ 2 ᠴᠤᠭᠴᠠᠯᠠᠵᠤ᠂ ᠳᠤᠰᠬᠠᠢ ᠬᠠᠮᠳᠤᠷᠠᠯ ᠵᠤᠬᠢᠶᠠᠨ ᠪᠠᠶᠢᠭᠤᠯᠤᠯᠳᠠ ᠶᠢᠨ ᠪᠦᠷᠬᠦᠴᠠ ᠶᠢᠨ ᠨᠤᠷᠮ᠎ᠠ ᠶᠢ 60% ᠳᠠᠪᠠᠭᠤᠯᠤᠨ᠎ᠠ᠃ ᠮᠠᠯ ᠳᠠᠷᠢᠶᠠᠯᠠᠩ ᠤᠨ ᠪᠦᠳᠤᠬᠡᠭᠳᠡᠬᠦᠨ ᠤ ᠪᠦᠬᠦ ᠭᠤᠭᠴᠤᠭ᠎ᠠ ᠶᠢᠨ ᠬᠡᠳᠡᠷᠬᠦ ᠨᠡᠬᠡᠮᠵᠢᠯᠡᠬᠦ ᠰᠢᠰᠲ᠋ᠧᠮ ᠤᠨ ᠳᠤᠷᠰᠢᠯᠳᠠ ᠶᠢᠨ ᠠᠵᠢᠯ ᠢ ᠱᠠᠯᠠᠪᠳᠠᠭᠤᠯᠤᠨ᠂ ᠪᠤᠬᠢᠷᠳᠤᠯ ᠦᠬᠡᠢ ᠤᠷᠭᠠᠨᠢᠭ ᠮᠠᠯ ᠳᠠᠷᠢᠶᠠᠯᠠᠩ ᠤᠨ ᠪᠦᠳᠤᠬᠡᠭᠳᠡᠬᠦᠨ ᠤ ᠨᠡᠷᠡᠳᠤ ᠳᠡᠮᠳᠡᠭᠵᠢᠬᠦᠯᠤᠯᠳᠠ ᠪᠠ ᠪᠦᠳᠤᠬᠡᠭᠳᠡᠬᠦᠨ ᠤ ᠭᠠᠵᠠᠷ ᠵᠦᠢ ᠶᠢᠨ ᠬᠡᠷᠡᠴᠢᠯᠡᠯ ᠳᠠᠩᠰᠠᠯᠠᠯᠳᠠ ᠶᠢ ᠰᠠᠶᠢᠳᠤᠷ ᠬᠢᠵᠤ᠂ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠨᠡᠷᠡᠳᠤ ᠳᠡᠮᠳᠡᠭᠴᠢᠯᠠᠯᠳᠠ ᠶᠢᠨ ᠪᠠᠶᠢᠭᠤᠯᠤᠯᠳᠠ ᠶᠢ ᠠᠬᠢᠭᠤᠯᠤᠨ᠂ ᠵᠢᠯ ᠤᠨ ᠳᠤᠳᠤᠷ᠎ᠠ ᠤᠯᠤᠰ ᠪᠠ ᠦᠪᠡᠷᠳᠡᠬᠡᠨ ᠵᠠᠰᠠᠬᠤ ᠤᠷᠤᠨ ᠤ ᠳᠡᠰ ᠤᠨ ᠮᠠᠯ ᠳᠠᠷᠢᠶᠠᠯᠠᠩ ᠤᠨ ᠤᠷᠭᠠᠨᠢᠭ ᠪᠦᠳᠤᠬᠡᠭᠳᠡᠬᠦᠨ ᠤ ᠨᠡᠷᠡᠳᠤ ᠳᠡᠮᠳᠡᠭ ᠢ 2 — 3 ᠪᠦᠳᠤᠬᠡᠨ᠎ᠠ᠃ ︽ᠢᠨᠲ᠋ᠧᠷ ᠰᠦᠯᠵᠢᠶ᠎ᠡ+︾ ᠶᠢ ᠬᠦᠢᠴᠡᠤᠨ ᠠᠰᠢᠭᠯᠠᠨ᠂ ᠮᠠᠯ ᠳᠠᠷᠢᠶᠠᠯᠠᠩ ᠤᠨ ᠤᠶᠢᠯᠡᠰ ᠪᠠ ᠬᠤᠶᠠᠷ ᠭᠤᠷᠪᠠᠳᠤᠭᠠᠷ ᠠᠵᠤ ᠤᠶᠢᠯᠡᠰ ᠤᠨ ᠵᠤᠬᠢᠴᠠᠯᠳᠤ ᠬᠦᠭᠵᠢᠯᠳᠠ ᠶᠢ ᠠᠬᠢᠭᠤᠯᠵᠤ᠂ ᠡᠯᠧᠺᠲᠷᠤᠨ ᠠᠷᠠᠯᠵᠢᠶᠠᠨ ᠤ ᠤᠶᠢᠯᠡᠴᠢᠯᠡᠬᠡᠨ ᠤ ᠳᠡᠪᠴᠠᠩ ᠢ ᠪᠠᠶᠢᠭᠤᠯᠤᠨ ᠳᠡᠰ ᠳᠡᠪᠰᠢᠬᠦᠯᠵᠤ᠂ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠤᠷᠤᠯᠠᠭᠤᠯᠭ᠎ᠠ ᠶᠢᠨ ᠵᠠᠮ ᠮᠦᠷ ᠢ ᠰᠢᠯᠤᠭᠤᠤᠨᠬᠠᠵᠤ᠂ ᠮᠠᠯ ᠳᠠᠷᠢᠶᠠᠯᠠᠩ ᠤᠨ ᠠᠰᠢᠭ ᠰᠢᠮ᠎ᠠ ᠶᠢᠨ ᠪᠤᠷᠤᠯᠠᠭᠤᠯᠭ᠎ᠠ ᠪᠠ ᠳᠠᠷᠢᠬᠤ ᠳᠡᠵᠢᠬᠡᠬᠦ᠂ ᠡᠳ᠋ᠰᠢᠬᠦᠯᠬᠦ ᠶᠢᠨ ᠴᠤᠭᠴᠠᠵᠢᠭᠰᠡᠨ ᠬᠦᠭᠵᠢᠯᠳᠠ ᠶᠢ ᠠᠬᠢᠭᠤᠯᠤᠨ᠎ᠠ᠃ ᠬᠦᠷᠤᠬᠡᠨ ᠳᠠᠮᠵᠢᠭᠤᠯᠬᠤ ᠬᠦᠢᠯᠬᠡᠬᠡ ᠶᠢ ᠬᠦᠭᠵᠢᠬᠦᠯᠤᠨ᠂ ᠢᠳᠡᠰᠢᠨ ᠨᠤᠭᠤᠭᠠᠨ ᠤ ᠰᠢᠨ᠎ᠠ ᠰᠤᠷᠭᠤᠭ ᠪᠠ ᠮᠠᠯ ᠤᠨ ᠠᠰᠢᠭ ᠰᠢᠮ᠎ᠠ ᠶᠢᠨ ᠬᠦᠮᠤᠷᠬᠡᠯᠡᠯᠳᠠ ᠵᠡᠷᠬᠡ ᠶᠢᠨ ᠪᠠᠶᠢᠭᠤᠯᠤᠯᠳᠠ ᠶᠢ ᠠᠬᠢᠭᠤᠯᠤᠨ᠎ᠠ᠃ ︽ᠠᠷᠪᠠ ᠶᠢ ᠨᠠᠶᠢᠳᠠᠮ ᠪᠡᠶᠡᠯᠡᠬᠦᠯᠬᠦ ᠠᠵᠢᠯ︾ ᠢ ᠰᠠᠶᠢᠳᠤᠷ ᠨᠠᠶᠢᠳᠠᠪᠤᠷᠢᠵᠢᠭᠤᠯᠤᠨ᠂ ᠬᠡᠷ ᠪᠠᠶᠢᠰᠢᠩ ᠤᠨ ᠦᠬᠡᠷᠡᠴᠢᠯᠠᠯᠳᠠ᠂ ᠵᠡᠬᠡᠯᠢ ᠭᠤᠳᠤᠮ ᠤᠨ ᠨᠢᠭᠳᠠᠰᠢᠭᠤᠯᠤᠯᠳᠠ ᠂ ᠳᠠᠷᠢᠶᠠᠯᠠᠩ ᠤᠨ ᠴᠠᠬᠢᠯᠭᠠᠨ ᠤ ᠦᠬᠡᠷᠡᠴᠢᠯᠠᠯᠳᠠ᠂ ᠬᠦᠳᠡᠭᠡ ᠨᠣᠳᠤᠭ ᠲᠤ ᠰᠢᠳᠠᠮᠠᠬᠠᠢ ᠬᠡᠢ ᠨᠡᠪᠳᠡᠷᠡᠭᠦᠯᠬᠦ ᠢᠨ᠋ᠧᠨᠧᠷᠢᠩ ᠵᠡᠷᠬᠡ ᠡᠯ᠎ᠡ ᠠᠵᠢᠯ ᠢ ᠬᠡᠷᠡᠭᠵᠢᠬᠦᠯᠬᠦ ᠶᠢᠨ ᠬᠠᠮᠳᠤ ᠷᠠᠳᠢᠤ᠋ ᠲᠧᠯᠸᠢᠰ ᠳᠤᠬᠢᠶᠠᠨ ᠪᠦᠷᠬᠦᠴᠠ᠂ ᠡᠷᠡᠬᠦᠯ ᠬᠠᠮᠠᠭᠠᠯᠠᠯ ᠤᠨ ᠳᠠᠰᠤᠭ᠂ ᠰᠤᠶᠤᠯ ᠤᠨ ᠦᠷᠤᠬᠡ᠂ ᠠᠷᠠᠤᠨ ᠲᠤ ᠲᠦᠬᠦᠮ ᠦᠵᠡᠬᠦᠯᠬᠦ ᠴᠢᠯᠤᠬᠡᠳᠤ ᠳᠡᠯᠬᠡᠬᠦᠷ᠂ ᠤᠷᠴᠢᠨ ᠳᠤᠭᠤᠷᠢᠨ ᠤ ᠴᠡᠭᠴᠡᠯᠡᠯᠳᠠ ᠵᠡᠷᠬᠡ ᠡᠬᠦᠷᠬᠡ ᠶᠢ ᠬᠠᠮᠳᠤ ᠠᠬᠢᠭᠤᠯᠤᠨ᠂ ᠰᠢᠳᠠᠮᠠᠬᠠᠢ ᠬᠡᠢ ᠪᠤᠯᠤᠨ ᠦᠷᠬᠡᠨ ᠪᠦᠰᠡᠳᠤ ᠰᠦᠯᠵᠢᠶᠡᠨ ᠤ ᠬᠡᠷᠡᠭᠯᠡᠭᠡ ᠶᠢ ᠡᠬᠢᠯᠡᠬᠦᠯᠤᠨ᠂ ᠮᠠᠯ ᠳᠠᠷᠢᠶᠠᠯᠩ ᠤᠨ ᠤᠶᠢᠯᠡᠰ ᠬᠦᠴᠤᠷᠬᠡᠭ᠂ ᠮᠠᠯᠴᠢᠨ ᠳᠠᠷᠢᠶᠠᠴᠢᠨ ᠪᠠᠶᠠᠨ᠂ ᠮᠠᠯᠵᠢᠬᠤ ᠳᠠᠷᠢᠶᠠᠯᠠᠬᠤ ᠤᠷᠤᠨ ᠰᠠᠶᠢᠬᠠᠨ ᠪᠠᠶᠢᠳᠠᠯ ᠢ ᠪᠤᠢ ᠪᠤᠯᠭᠠᠨ᠎ᠠ᠃    ︵ᠭᠤᠷᠪᠠ︶ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠵᠤ᠂ ᠪᠠᠳᠤᠯᠠᠭ᠎ᠠ ᠶᠢᠨ ᠴᠢᠳᠠᠪᠬᠢ ᠶᠢ ᠳᠡᠬᠡᠭᠰᠢᠯᠡᠬᠦᠯᠤᠨ᠎ᠠ᠃ ᠰᠠᠭᠤᠷᠢ ᠲᠦᠬᠦᠬᠡᠷᠤᠮᠵᠢ ᠶᠢ ᠳᠠᠰᠤᠷᠠᠯᠳᠠ ᠦᠬᠡᠢ ᠰᠠᠶᠢᠵᠢᠷᠠᠭᠤᠯᠵᠤ᠂ ᠠᠵᠤ ᠠᠬᠤᠢ ᠶᠢᠨ ᠪᠠᠶᠢᠭᠤᠯᠤᠯᠳᠠ ᠪᠠ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠨᠢᠬᠡᠳᠤᠯᠳᠠᠢ ᠲᠦᠯᠤᠪᠯᠡᠭᠰᠡᠨ ᠵᠤᠬᠢᠴᠠᠯᠳᠤ ᠬᠦᠭᠵᠢᠯᠳᠠ ᠶᠢ ᠪᠡᠶᠡᠯᠡᠬᠦᠯᠤᠨ᠎ᠠ᠃ ᠠᠮᠢ ᠠᠬᠤᠢ ᠶᠢᠨ ᠪᠠᠶᠢᠭᠤᠯᠤᠯᠳᠠ ᠶᠢᠨ ᠳᠠᠯ᠎ᠠ ᠪᠠᠷ᠂ ᠪᠡᠬᠡᠵᠢᠩ ᠲᠢᠶᠠᠨᠵᠢᠨ ᠤ ᠰᠠᠯᠬᠢ ᠰᠢᠷᠤᠢ ᠶᠢᠨ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠠᠵᠢᠯ ᠪᠠ ᠬᠦᠷᠤᠰᠤ ᠰᠢᠷᠤᠢ ᠶᠢᠨ ᠢᠳᠡᠭᠳᠡᠯ ᠢ ᠰᠡᠷᠬᠡᠶᠢᠯᠡᠬᠦ ᠵᠡᠷᠬᠡ ᠭᠤᠤᠯᠳᠠᠯᠭᠠᠳᠤ ᠠᠮᠢ ᠠᠬᠤᠢ ᠶᠢᠨ ᠢᠨᠵᠧᠨᠧᠷᠢᠩ ᠢ ᠬᠡᠷᠡᠭᠵᠢᠬᠦᠯᠤᠨ᠂ 8 ᠲᠦᠮᠡᠨ ᠮᠤ᠋ ᠤᠶᠢᠵᠢᠭᠤᠯᠵᠤ᠂ ᠬᠦᠷᠤᠰᠤ ᠰᠢᠷᠤᠢ ᠶᠢᠨ ᠢᠳᠡᠭᠳᠡᠯ ᠢ 5.25 ᠲᠦᠮᠡᠨ ᠮᠤ᠋ ᠪᠡᠶᠡᠯᠡᠬᠦᠯᠤᠨ᠎ᠠ᠃ ᠤᠰᠤᠨ ᠡᠬᠢ ᠰᠤᠷᠪᠤᠯᠵᠢ ᠶᠢᠨ ᠡᠷᠬᠡ ᠶᠢ ᠳᠤᠳᠤᠷᠬᠠᠶᠢᠯᠠᠬᠤ ᠠᠵᠢᠯ ᠢ ᠦᠷᠨᠢᠬᠦᠯᠵᠤ᠂ ᠶᠡᠷᠤᠩᠬᠡᠢ ᠬᠡᠮᠵᠢᠶ᠎ᠡ ᠶᠢ ᠬᠢᠵᠠᠭᠠᠷᠯᠠᠨ ᠳᠤᠭᠳᠠᠮᠠᠯ ᠬᠡᠮᠵᠢᠶ᠎ᠡ ᠲᠠᠢ ᠪᠠᠷ ᠬᠠᠮᠢᠶᠠᠷᠬᠤ ᠪᠠ ᠤᠰᠤᠨ ᠨᠦᠬᠦᠴᠡᠯ  ᠢᠶᠠᠷ ᠨᠡᠬᠡᠬᠡᠯᠳᠠ ᠬᠢᠬᠦ ᠶᠢ ᠬᠡᠷᠡᠭᠵᠢᠬᠦᠯᠤᠨ᠎ᠠ᠃ ᠵᠠᠮ ᠨᠡᠪᠳᠡᠷᠡᠬᠦᠯᠬᠡ ᠶᠢᠨ ᠳᠠᠯ᠎ᠠ ᠪᠠᠷ᠂ ᠤᠯᠵᠠᠴᠢ ᠠᠴᠠ ᠳ᠋ᠦᠩ ᠳ᠋ᠤᠤ ᠯᠢᠶᠠᠩ ᠬᠦᠷᠬᠦ ᠲᠦᠷᠬᠡᠨ ᠵᠠᠮ ᠢ ᠡᠬᠢᠯᠡᠬᠦᠯᠤᠨ ᠂ ᠤᠯᠵᠠᠴᠢ ᠪᠠᠯᠭᠠᠰᠤᠨ ᠠᠴᠠ ᠳᠤᠯᠢ ᠬᠦᠷᠬᠦ ᠱᠤᠭᠤᠮ᠂ S216 ᠱᠤᠭᠤᠮ ᠤᠨ ᠤᠯᠵᠠᠴᠢ ᠠᠴᠠ ᠱᠠᠨᠰᠢ ᠶᠢᠨ ᠨᠢᠩ ᠲᠢᠶᠤᠤ ᠯᠢᠶᠠᠩ ᠬᠦᠷᠬᠦ ᠬᠤᠶᠠᠳᠦᠭᠠᠷ ᠳᠡᠰ  ᠤᠨ ᠵᠠᠰᠠᠮᠠᠯ ᠵᠠᠮ ᠤᠨ ᠦᠬᠡᠷᠡᠴᠢᠯᠠᠯᠳᠠ ᠶᠢᠨ ᠠᠵᠢᠯ ᠤᠨ ᠡᠮᠤᠨ᠎ᠠ ᠬᠤᠭᠤᠴᠠᠭᠠᠨ ᠤ ᠠᠵᠢᠯ ᠢ ᠡᠬᠢᠯᠡᠬᠦᠯᠤᠨ᠎ᠠ︔ ᠳᠤᠯᠢ ᠠᠴᠠ ᠱᠠᠩᠬᠠᠢ ᠶᠢᠨ ᠰᠦᠮ᠎ᠠ ᠬᠦᠷᠬᠦ ᠳᠡᠮᠤᠷ ᠵᠠᠮ ᠤᠨ ᠳᠤᠯᠢ ᠠᠴᠠ ᠤᠯᠵᠠᠴᠢ ᠬᠦᠷᠬᠦ ᠬᠡᠰᠡᠭ ᠢ ᠳᠡᠷᠬᠡ ᠨᠡᠪᠳᠡᠷᠡᠬᠦᠯᠤᠨ᠂ ᠤᠯᠵᠠᠴᠢ ᠠᠴᠠ ᠱᠠᠩᠬᠠᠢ ᠶᠢᠨ ᠰᠦᠮ᠎ᠠ ᠬᠦᠷᠬᠦ ᠳᠡᠮᠤᠷ ᠵᠠᠮ ᠪᠠ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠪᠠᠶᠢᠭᠤᠯᠤᠯᠳᠠ ᠶᠢ ᠡᠬᠢᠯᠡᠬᠦᠯᠤᠨ᠎ᠠ᠃ ᠬᠦᠳᠡᠭᠡ ᠶᠢᠨ ᠵᠠᠰᠠᠮᠠᠯ ᠵᠠᠮ ᠢ 560 ᠺᠢᠯᠤᠮᠧᠲᠷ ᠨᠡᠮᠡᠨ ᠵᠠᠰᠠᠨ᠎ᠠ᠃ ᠴᠠᠬᠢᠯᠭᠠᠨ ᠬᠦᠴᠤᠨ ᠤ ᠳᠠᠯ᠎ᠠ ᠪᠠᠷ᠂ 35 ᠺᠢᠯᠤᠸᠤᠯᠲ ᠤᠨ ᠴᠠᠬᠢᠯᠭᠠᠨ ᠬᠤᠪᠢᠰᠬᠠᠬᠤ ᠦᠷᠳᠡᠭᠡ 1 ᠪᠠᠶᠢᠭᠤᠯᠵᠤ᠂ 110 ᠺᠢᠯᠤᠸᠤᠯᠲ ᠶᠢᠨ ᠴᠠᠬᠢᠯᠭᠠᠨ ᠬᠤᠪᠢᠰᠬᠠᠬᠤ ᠦᠷᠳᠡᠭᠡ ᠶᠢ 3 ᠪᠠᠶᠢᠭᠤᠯᠤᠨ᠂ 682 ᠺᠢᠯᠤᠮᠧᠲᠷ ᠤᠨ ᠴᠠᠬᠢᠯᠭᠠᠨ ᠬᠦᠷᠬᠡᠬᠦ ᠱᠤᠭᠤᠮ ᠪᠤᠰᠬᠠᠵᠤ᠂ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠪᠠ ᠮᠠᠯᠴᠢᠨ ᠳᠠᠷᠢᠶᠠᠴᠢᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ ᠬᠤᠳᠠ ᠪᠠᠯᠭᠠᠰᠤᠨ ᠤ ᠪᠠᠶᠢᠭᠤᠯᠤᠯᠳᠠ ᠶᠢᠨ ᠳᠠᠯ᠎ᠠ ᠪᠠᠷ᠂ ᠬᠤᠳᠠ ᠬᠦᠳᠡᠭᠡ ᠶᠢᠨ ᠴᠤᠭᠴᠠᠵᠢᠭᠰᠡᠨ ᠬᠦᠭᠵᠢᠯᠳᠠ ᠶᠢ ᠠᠬᠢᠭᠤᠯᠵᠤ᠂ ᠬᠤᠳᠠ ᠶᠢᠨ ᠬᠤᠭᠤᠷᠤᠨᠳᠤᠬᠢ ᠵᠠᠮ ᠨᠡᠪᠳᠡᠷᠡᠯᠬᠡ᠂ ᠠᠮᠢ ᠠᠬᠤᠢ ᠤᠷᠴᠢᠨ ᠳᠤᠭᠤᠷᠢᠨ᠂ ᠤᠰᠤ ᠬᠠᠩᠭᠠᠯᠭ᠎ᠠ ᠵᠡᠷᠬᠡ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠲᠦᠷᠬᠡᠤᠨᠬᠡᠨ᠂ ᠬᠤᠳᠠ ᠬᠦᠳᠡᠭᠡ ᠶᠢᠨ ᠲᠦᠷᠰᠤ ᠪᠠᠶᠢᠳᠠᠯ ᠢ  ᠦᠬᠡᠷᠡᠴᠢᠯᠡᠵᠤ᠂ ᠬᠤᠳᠠ ᠪᠠᠯᠭᠠᠰᠤᠨ ᠤ ᠬᠠᠮᠢᠶᠠᠷᠤᠯᠳᠠ  ᠶᠢᠨ ᠲᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠤᠨ᠂ ᠦᠷᠬᠦᠯᠵᠢᠬᠦᠶᠢᠴᠠ ᠡᠷᠡᠬᠦᠯ ᠬᠦᠭᠵᠢᠯᠳᠠ ᠶᠢ ᠨᠢ ᠪᠠᠳᠤᠯᠠᠨ᠎ᠠ᠃ ᠤᠯᠵᠠᠴᠢ ᠪᠠᠯᠭᠠᠰᠤᠨ ᠤ ᠳᠡᠬᠦᠷᠬᠡ ᠶᠢᠨ ᠰᠠᠭᠤᠭᠠᠯᠢ ᠳᠤᠭᠤᠷᠢᠭ ᠤᠨ ᠪᠤᠬᠢᠷ ᠤᠰᠤ ᠪᠠ ᠪᠠᠯᠭᠠᠰᠤᠨ ᠳᠤᠭᠤᠷᠢᠭ ᠤᠨ ᠬᠤᠭ ᠨᠤᠪᠰᠢ ᠶᠢ ᠪᠤᠬᠢᠷᠳᠤᠯ ᠦᠬᠡᠢ ᠰᠢᠢᠤᠨᠪᠤᠷᠢᠯᠡᠬᠦ ᠲᠦᠬᠦᠬᠡᠷᠤᠮᠵᠢ ᠶᠢ ᠳᠡᠬᠦᠯᠳᠡᠷᠵᠢᠬᠦᠯᠤᠨ᠂ ᠨᠢᠬᠡᠨ ᠪᠦᠯᠦᠭ ᠠᠵᠤ ᠠᠬᠤᠶᠢᠯᠡᠯ ᠤᠨ ᠠᠮᠢᠳᠤᠷᠠᠯ ᠤᠨ ᠰᠠᠭᠤᠷᠢᠨ ᠴᠤᠭᠴᠠᠯᠠᠵᠤ᠂ ᠬᠤᠳᠠ ᠪᠠᠯᠭᠠᠰᠤᠨ ᠤ ᠤᠶᠢᠯᠡᠴᠢᠯᠡᠬᠦ ᠴᠢᠳᠠᠪᠬᠢ ᠶᠢ ᠳᠡᠬᠡᠭᠰᠢᠯᠡᠬᠦᠯᠤᠨ᠎ᠠ᠃ ᠬᠦᠷᠢᠶᠡᠯᠡᠩ ᠳᠤᠭᠤᠷᠢᠭ ᠤᠨ ᠪᠠᠶᠢᠭᠤᠯᠤᠯᠳᠠ ᠶᠢᠨ ᠳᠠᠯ᠎ᠠ ᠪᠠᠷ᠂ ᠬᠦᠷᠢᠶᠡᠯᠡᠩ ᠳᠤᠭᠤᠷᠢᠭ ᠤᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ  ᠶᠢ ᠰᠠᠶᠢᠵᠢᠷᠠᠭᠤᠯᠤᠨ᠂ ᠵᠠᠰᠠᠮᠠᠯ ᠵᠠᠮ ᠤᠨ ᠱᠤᠭᠤᠮ ᠢ ᠨᠡᠪᠳᠡᠷᠡᠬᠦᠯᠵᠤ᠂ ᠲᠦᠷᠤᠯ ᠵᠦᠢᠯ ᠤᠨ ᠪᠠᠶᠢᠭᠤᠯᠤᠯᠳᠠ ᠳᠤ ᠨᠦᠬᠦᠴᠡᠯ ᠪᠦᠷᠢᠯᠳᠤᠬᠦᠯᠤᠨ᠎ᠠ᠃ ᠤᠯᠵᠠᠴᠢ ᠪᠠᠯᠭᠠᠰᠤᠨ ᠤ ᠶᠡᠷᠤᠩᠬᠡᠶᠢᠯᠡᠭᠰᠡᠨ ᠠᠵᠤ ᠤᠶᠢᠯᠡᠰ ᠤᠨ ᠬᠦᠷᠢᠶᠠᠯᠠᠩ ᠤᠨ ᠤᠰᠤ ᠴᠡᠪᠡᠷᠰᠢᠬᠦᠯᠤᠨ ᠠᠰᠢᠭᠯᠠᠬᠤ ᠪᠠᠷᠢᠯᠭ᠎ᠠ ᠶᠢ ᠠᠬᠢᠭᠤᠯᠤᠨ᠂ ᠬᠦᠷᠢᠶᠠᠯᠠᠩ ᠳᠤᠭᠤᠷᠢᠭ  ᠤᠨ ᠠᠴᠢᠶᠠᠯᠠᠬᠤ ᠴᠢᠳᠠᠪᠤᠷᠢ ᠶᠢ ᠴᠢᠩᠭᠠᠤᠨᠬᠠᠨ᠎ᠠ᠃    ︵ᠲᠦᠷᠪᠠ︶ ᠠᠷᠠᠤᠨ ᠤᠨ ᠠᠮᠢᠳᠤᠷᠠᠯ ᠤᠨ ᠬᠠᠷᠠᠭᠠᠯᠵᠠᠯ ᠢ ᠳᠡᠩᠴᠡᠬᠦᠷᠢᠰᠢᠬᠦᠯᠵᠤ᠂ ᠠᠷᠠᠤᠨ ᠤᠯᠠᠨ ᠤ ᠠᠰᠢᠭ ᠵᠢᠷᠭᠠᠯ ᠢ ᠨᠡᠮᠡᠭᠳᠡᠬᠦᠯᠤᠨ᠎ᠠ᠃ ᠪᠦᠬᠦ ᠬᠦᠴᠤᠨ  ᠢᠶᠠᠷ ᠠᠷᠠᠤᠨ ᠤᠨ ᠠᠮᠢᠳᠤᠷᠠᠯ ᠢ ᠪᠠᠳᠤᠯᠠᠵᠤ᠂ ᠠᠷᠠᠤᠨ ᠢ ᠬᠠᠷᠠᠭᠠᠯᠵᠠᠬᠤ ᠡᠯ᠎ᠡ ᠲᠦᠷᠤᠯ ᠤᠨ ᠠᠷᠭ᠎ᠠ ᠠᠪᠴᠠᠯ ᠢ ᠰᠠᠶᠢᠳᠤᠷ ᠨᠠᠶᠢᠳᠠᠪᠤᠷᠢᠵᠢᠭᠤᠯᠤᠨ᠂ ᠠᠷᠠᠤᠨ ᠤᠯᠠᠨ  ᠤ ᠠᠮᠢᠳᠤᠷᠠᠯ ᠤᠨ ᠲᠦᠪᠰᠢᠨ ᠪᠤᠯᠤᠨ ᠤᠯᠠᠨ ᠨᠠᠶᠢᠳᠠ ᠶᠢᠨ ᠤᠶᠢᠯᠡᠴᠢᠯᠡᠬᠡᠨ ᠤ ᠴᠢᠨᠠᠷᠵᠢᠯ ᠢ ᠪᠦᠬᠦ ᠳᠠᠯ᠎ᠠ ᠪᠠᠷ ᠳᠡᠬᠡᠭᠰᠢᠯᠡᠬᠦᠯᠤᠨ᠎ᠠ᠃ ᠶᠠᠳᠠᠭᠤ ᠶᠢ ᠳᠡᠤᠨᠬᠦᠬᠦ ᠳᠠᠯ᠎ᠠ  ᠪᠠᠷ᠂ ︽ᠳᠠᠪᠤᠨ ᠨᠢᠬᠡ ᠴᠤᠬᠤᠯᠠᠪᠤᠷᠢᠯᠠᠯ︾ ᠪᠠ ︽ᠵᠢᠷᠭᠤᠭᠠᠨ ᠨᠠᠷᠢᠯᠢᠭ︾ ᠤᠨ ᠶᠤᠰᠤ ᠪᠠᠷ ᠰᠢᠯᠵᠢᠬᠦᠯᠤᠨ ᠳᠡᠤᠨᠬᠦᠬᠦ᠂ ᠠᠵᠤ ᠤᠶᠢᠯᠡᠰ ᠢᠶᠠᠷ ᠳᠡᠤᠨᠬᠦᠬᠦ᠂ ᠮᠦᠩᠬᠦᠨ ᠬᠦᠢᠯᠬᠡᠬᠡ ᠪᠠᠷ ᠳᠡᠤᠨᠬᠦᠬᠦ᠂ ᠰᠤᠷᠭᠠᠨ ᠬᠦᠮᠤᠵᠢᠯ ᠢᠶᠠᠷ ᠳᠡᠤᠨᠬᠦᠬᠦ᠂ ᠡᠮ ᠡᠮᠴᠢᠯᠡᠭᠡ ᠪᠠᠷ ᠳᠡᠤᠨᠬᠦᠬᠦ᠂ ᠪᠦᠬᠦ ᠬᠦᠴᠤᠨ ᠢᠶᠠᠷ ᠳᠡᠤᠨᠬᠦᠬᠦ ᠵᠡᠷᠬᠡ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠤᠨᠬᠦᠬᠦ ᠠᠵᠢᠯ ᠢ ᠢᠳᠡᠪᠬᠢᠳᠠᠢ ᠦᠷᠨᠢᠬᠦᠯᠤᠨ᠂ ᠳᠤᠰ ᠵᠢᠯ 1122 ᠬᠦᠮᠤᠨ ᠢ ᠶᠠᠳᠠᠭᠤ ᠠᠴᠠ ᠠᠩᠬᠢᠵᠢᠷᠠᠭᠤᠯᠤᠨ᠎ᠠ᠃ ᠤᠶᠢᠯᠡᠰ ᠪᠦᠳᠤᠬᠡᠯᠳᠠ ᠠᠵᠢᠯ ᠤᠯᠭᠤᠯᠳᠠ ᠶᠢᠨ ᠳᠠᠯ᠎ᠠ ᠪᠠᠷ᠂ ᠳᠤᠭᠳᠠᠮᠠᠯ ᠴᠢᠭᠯᠡᠯ ᠢᠶᠠᠷ ᠪᠤᠯᠪᠠᠰᠤᠷᠠᠭᠤᠯᠬᠤ᠂ ᠪᠠᠭ᠎ᠠ ᠳᠤᠭᠠᠳᠤ ᠳᠠᠭᠠᠭᠠᠯᠳᠠᠳᠤ ᠵᠢᠬᠡᠯᠡᠯᠬᠡ ᠤᠯᠭᠤᠬᠤ ᠪᠠ ᠤᠨᠴᠠᠭᠠᠢ ᠬᠦᠴᠢᠷᠳᠠᠯ ᠲᠠᠢ ᠬᠦᠮᠤᠰ ᠤᠨ ᠠᠵᠢᠯ ᠤᠯᠤᠯᠳᠠ ᠵᠡᠷᠬᠡ ᠠᠷᠭ᠎ᠠ ᠠᠪᠴᠠᠯ ᠢ ᠰᠠᠶᠢᠳᠤᠷ ᠨᠠᠶᠢᠳᠠᠪᠤᠷᠢᠵᠢᠭᠤᠯᠤᠨ᠎ᠠ᠃ ᠤᠶᠢᠯᠡᠰ ᠪᠦᠳᠤᠬᠡᠯᠳᠠ ᠶᠢ ᠨᠢ ᠳᠠᠮᠵᠢᠨ 500 ᠬᠦᠮᠤᠨ ᠢ ᠠᠵᠢᠯ ᠤᠯᠭᠤᠵᠤ᠂ ᠬᠤᠳᠠ ᠪᠠᠯᠭᠠᠰᠤᠨ ᠳᠤ 1100 ᠬᠦᠮᠤᠨ ᠳᠤ ᠰᠢᠨ᠎ᠠ ᠪᠠᠷ ᠠᠵᠢᠯ ᠤᠯᠭᠤᠨ᠂ ᠬᠤᠳᠠ ᠪᠠᠯᠭᠠᠰᠤᠨ ᠤ ᠳᠠᠩᠰᠠᠯᠠᠯᠳᠠ ᠲᠠᠢ ᠠᠵᠢᠯ ᠠᠯᠳᠠᠭᠰᠡᠨ ᠨᠤᠷᠮ᠎ᠠ ᠶᠢ 3.5% ᠳᠤᠳᠤᠷ᠎ᠠ ᠬᠢᠵᠠᠭᠠᠷᠯᠠᠨ᠎ᠠ᠃ ᠨᠠᠶᠢᠬᠡᠮ ᠤᠨ ᠪᠠᠳᠤᠯᠠᠭ᠎ᠠ ᠶᠢᠨ ᠳᠠᠯ᠎ᠠ ᠪᠠᠷ᠂ ᠬᠦᠨᠳᠤ ᠡᠪᠡᠤᠨᠴᠢᠨ ᠤ ᠠᠪᠤᠷᠠᠨ ᠳᠤᠰᠠᠯᠠᠯᠳᠠ ᠶᠢᠨ ᠨᠦᠬᠦᠪᠤᠷᠢ ᠶᠢᠨ ᠰᠠᠭᠤᠷᠢ ᠮᠦᠩᠬᠦ ᠪᠠᠶᠢᠭᠤᠯᠵᠤ᠂ ᠨᠠᠶᠢᠬᠡᠮ ᠤᠨ ᠪᠠᠳᠤᠯᠠᠭ᠎ᠠ ᠶᠢᠨ ᠨᠦᠬᠦᠪᠤᠷᠢ ᠶᠢᠨ ᠪᠠᠷᠢᠮᠵᠢᠶ᠎ᠠ ᠶᠢ ᠳᠡᠬᠡᠭᠰᠢᠯᠡᠬᠦᠯᠤᠨ᠂ ᠨᠠᠶᠢᠳᠠ ᠶᠢᠨ ᠲᠦᠷᠢᠶᠡᠰᠤᠨ ᠬᠡᠷ ᠢ 1741 ᠲᠦᠬᠦᠷ᠂ ᠰᠢᠯᠵᠢᠭᠰᠡᠨ ᠮᠠᠯᠴᠢᠠ ᠳᠠᠷᠢᠶᠠᠴᠢᠤᠨ ᠤᠨ ᠰᠠᠭᠤᠴᠠ 1375 ᠲᠦᠬᠦᠷ ᠪᠠᠶᠢᠭᠤᠯᠵᠤ᠂ ᠤᠶᠤᠨ ᠤ ᠰᠠᠭᠠᠤᠨ  ᠲᠠᠢ ᠪᠤᠶᠤ ᠤᠨᠴᠠ ᠬᠦᠴᠢᠷᠳᠡᠯ ᠲᠠᠢ ᠡᠳᠡᠬᠡᠤᠨ ᠢ ᠪᠠᠳᠤᠯᠠᠭ᠎ᠠ ᠶᠢᠨ ᠬᠡᠪᠴᠢᠶᠡᠨ ᠳᠤ ᠪᠠᠭᠳᠠᠭᠠᠨ᠎ᠠ᠃ ᠰᠤᠷᠭᠠᠨ ᠬᠦᠮᠤᠵᠢᠯ ᠤᠨ ᠳᠠᠯ᠎ᠠ ᠪᠠᠷ᠂ ᠰᠤᠷᠭᠠᠨ ᠬᠦᠮᠤᠵᠢᠯ  ᠤᠨ ᠡᠬᠢ ᠰᠤᠷᠪᠤᠯᠵᠢ ᠶᠢᠨ ᠳᠤᠬᠢᠷᠠᠭᠤᠯᠤᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠴᠡᠴᠡᠷᠯᠢᠭ ᠪᠤᠯᠤᠨ ᠠᠩᠬᠠᠨ ᠤ ᠬᠦᠮᠤᠵᠢᠯ ᠤᠨ ᠲᠦᠪ ᠤᠨ ᠪᠠᠶᠢᠭᠤᠯᠤᠯᠳᠠ ᠶᠢ ᠲᠦᠷᠬᠡᠤᠨᠬᠡᠵᠤ᠂ ᠬᠡᠤᠬᠡᠤᠨ ᠪᠠᠭᠠᠴᠤᠤᠨ ᠤᠨ ᠤᠶᠢᠷ᠎ᠠ ᠤᠷᠴᠢᠮ ᠤᠨ ᠰᠤᠷᠭᠠᠭᠤᠯᠢ ᠳᠤ ᠤᠷᠤᠬᠤ ᠨᠦᠬᠦᠴᠡᠯ ᠢ ᠰᠠᠶᠢᠵᠢᠷᠠᠭᠤᠯᠤᠨ᠎ᠠ᠃ ᠡᠮ ᠡᠮᠴᠢᠯᠡᠭᠡ ᠡᠷᠡᠬᠦᠯ ᠬᠠᠮᠠᠭᠠᠯᠠᠯ ᠤᠨ ᠳᠠᠯ᠎ᠠ ᠪᠠᠷ᠂ ᠱᠠᠩᠬᠠᠢ ᠶᠢᠨ ᠰᠦᠮ᠎ᠠ ᠶᠢᠨ ᠲᠦᠪ ᠡᠮᠨᠡᠯᠬᠡ ᠶᠢᠨ ᠬᠤᠷᠢᠶ᠎ᠠ᠂ ᠪᠤᠷᠤᠪᠠᠯᠭᠠᠰᠤ ᠶᠢᠨ ᠲᠦᠪ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠠᠶᠢᠭᠤᠯᠤᠯᠳᠠ ᠶᠢ ᠲᠦᠷᠬᠡᠤᠨᠬᠡᠵᠤ᠂ ᠰᠢᠨ᠎ᠠ ᠪᠠᠷ ᠬᠤᠰᠢᠭᠤᠨ ᠤ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠪᠠ ᠪᠤᠯᠠᠭ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠲᠦᠬᠦᠬᠡᠷᠤᠮᠵᠢ ᠶᠢ ᠳᠡᠬᠦᠯᠳᠡᠷᠵᠢᠬᠦᠯᠵᠤ᠂ ᠤᠶᠢᠯᠡᠴᠢᠯᠡᠬᠡᠨ ᠤ ᠲᠦᠪᠰᠢᠨ  ᠢ ᠳᠡᠬᠡᠭᠰᠢᠯᠡᠬᠦᠯᠤᠨ᠎ᠠ᠃ ᠰᠤᠶᠤᠯ ᠤᠨ ᠳᠠᠯ᠎ᠠ ᠪᠠᠷ᠂ ᠨᠠᠶᠢᠳᠠ ᠶᠢᠨ ᠰᠤᠶᠤᠯ ᠤᠨ ᠤᠶᠢᠯᠡᠴᠢᠯᠡᠬᠡᠨ ᠤ ᠰᠢᠰᠲ᠋ᠧᠮ ᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠠᠷᠠᠤᠨ ᠤᠨ ᠰᠤᠶᠤᠯ ᠢ ᠬᠦᠭᠵᠢᠬᠦᠯᠬᠦ᠂ ᠰᠤᠶᠤᠯ ᠤᠷᠠᠯᠢᠭ ᠤᠨ ᠨᠠᠷᠢᠯᠢᠭ ᠪᠦᠳᠤᠬᠡᠭᠳᠡᠬᠦᠨ ᠢ ᠪᠤᠢ ᠪᠤᠯᠭᠠᠬᠤ ᠪᠠᠷ ᠭᠤᠤᠯᠳᠠᠯᠭ᠎ᠠ ᠪᠤᠯᠭᠠᠵᠤ᠂ ᠰᠤᠶᠤᠯ ᠤᠨ ᠤᠶᠢᠯᠡᠰ  ᠤᠨ ᠬᠦᠭᠵᠢᠯᠳᠠ ᠶᠢ ᠲᠦᠷᠬᠡᠤᠨᠬᠡᠨ᠎ᠠ᠃ ᠢᠳᠡᠬᠡᠨ ᠤ ᠠᠮᠤᠷ ᠲᠦᠪᠰᠢᠨ ᠤ ᠳᠠᠯ᠎ᠠ ᠪᠠᠷ᠂ ᠤᠯᠵᠠᠴᠢ ᠶᠢᠨ ᠢᠳᠡᠬᠡᠨ ᠤ ᠪᠤᠯᠪᠠᠰᠤᠷᠠᠭᠤᠯᠤᠯᠳᠠ ᠶᠢᠨ ᠬᠦᠷᠢᠶᠡᠯᠡᠩ ᠶᠢ ᠡᠬᠢᠯᠡᠬᠦᠯᠵᠤ᠂ ᠪᠠᠷᠢᠮᠵᠢᠶᠠᠳᠦ ᠲᠦᠷᠭᠡᠨ ᠪᠠᠶᠢᠴᠠᠭᠠᠯᠳᠠ ᠶᠢᠨ ᠲᠠᠰᠤᠭ ᠪᠠᠶᠢᠭᠤᠯᠵᠣ᠂ ᠢᠳᠡᠬᠡᠨ ᠤ ᠠᠶᠤᠯᠬᠦᠢ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠨ᠂ ᠪᠠᠷᠢᠮᠵᠢᠶᠠᠳᠤ ᠤᠶᠢᠯᠡᠤᠨᠪᠤᠷᠢᠯᠡᠯ᠂ ᠲᠦᠳᠡ ᠪᠦᠳᠤᠮᠵᠢᠳᠤ ᠰᠢᠯᠭᠠᠨ ᠬᠢᠨᠠᠯᠳᠠ᠂ ᠠᠶᠤᠯᠬᠦᠢ ᠶᠢᠨ ᠵᠦᠪᠰᠢᠶᠡᠷᠡᠯ ᠢ ᠠᠬᠢᠭᠤᠯᠣᠨ᠎ᠠ᠃ ᠤᠷᠴᠢᠨ ᠬᠠᠮᠠᠭᠠᠯᠠᠯᠳᠠ ᠶᠢᠨ ᠳᠠᠯ᠎ᠠ ᠪᠠᠷ᠂ ᠤᠯᠤᠰ ᠤᠨ ᠠᠮᠢ ᠠᠬᠤᠶᠢᠴᠢ ᠠᠵᠤ ᠤᠶᠢᠯᠡᠤᠨᠪᠤᠷᠢ ᠶᠢᠨ ᠳᠠᠭᠤᠷᠢᠶᠠᠯ ᠬᠦᠷᠢᠶᠡᠯᠡᠩ ᠳᠤᠭᠤᠷᠢᠭ ᠤᠨ ᠴᠤᠭᠴᠠᠯᠠᠯᠳᠠ ᠶᠢᠨ ᠠᠵᠢᠯ ᠢ ᠪᠠᠳᠤ ᠠᠬᠢᠭᠤᠯᠵᠤ᠂ ᠪᠤᠬᠢᠷᠳᠤᠯ ᠵᠠᠰᠠᠯᠳᠠ ᠶᠢ ᠴᠢᠩᠭᠠᠤᠨᠬᠠᠨ᠂ ᠤᠬᠢ ᠰᠠᠶᠢᠨ ᠬᠦᠭᠵᠢᠯᠳᠠ ᠶᠢᠨ ᠤᠷᠴᠢᠨ ᠢ ᠪᠠᠳᠤᠯᠠᠨ᠎ᠠ᠃ ᠠᠶᠤᠯᠬᠦᠢ ᠤᠶᠢᠯᠡᠤᠨᠪᠤᠷᠢᠯᠡᠯ᠂ ᠨᠠᠶᠢᠬᠡᠮ ᠤᠨ ᠵᠠᠰᠠᠯᠳᠠ᠂ ᠵᠠᠬᠢᠳᠠᠯ ᠰᠤᠷᠪᠤᠯᠵᠢᠯᠠᠭ᠎ᠠ᠂ ᠳᠤᠭᠳᠠᠭᠤᠨ ᠢ ᠬᠠᠮᠠᠭᠠᠯᠠᠬᠤ ᠵᠡᠷᠬᠡ ᠡᠯ᠎ᠡ ᠠᠵᠢᠯ ᠢ ᠰᠠᠶᠢᠳᠤᠷ ᠬᠢᠨ᠎ᠠ᠃    ᠲᠦᠯᠤᠬᠡᠯᠡᠭᠴᠢᠤᠨ ᠡ᠂ 2016 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠠᠵᠢᠯ ᠢ ᠰᠠᠶᠢᠳᠤᠷ ᠬᠢᠬᠦ ᠳᠤ ᠡᠬᠦᠷᠬᠡ ᠬᠦᠨᠳᠤ ᠵᠠᠮ ᠬᠤᠯᠠ᠂ ᠤᠴᠢᠷ ᠤᠤᠠᠬ᠎ᠠ ᠬᠦᠨ ᠪᠤᠢ᠃ ᠪᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ ᠰᠢᠢᠤᠨᠮᠡᠭ ᠵᠤᠷᠢᠭ ᠢᠶᠠᠷ ᠳᠤᠬᠢᠶᠠᠯ ᠢ ᠡᠵᠡᠮᠳᠠᠨ᠂ ᠰᠠᠨᠠᠭᠠᠴᠢᠯᠠᠭ᠎ᠠ ᠲᠠᠢ ᠠᠵᠢᠯᠯᠠᠵᠤ᠂ ᠬᠦᠴᠤᠨ ᠵᠤᠷᠢᠭ ᠢᠶᠠᠨ ᠨᠢᠬᠡᠤᠨᠬᠡᠨ ᠬᠦᠴᠢᠷ ᠢ ᠢᠯᠡᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠦᠭᠵᠢᠯᠳᠠ ᠶᠢᠨ ᠰᠢᠨ᠎ᠠ ᠬᠠᠭᠤᠳᠠᠰᠤ ᠶᠢ ᠪᠠᠳᠠᠷᠠᠭᠤᠨ ᠪᠢᠴᠢᠭᠯᠡᠰᠤᠬᠡᠢ︕
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ