ᠤᠳᠤᠭ ᠤᠨ ᠡᠮᠥᠨᠡᠳᠤ ᠬᠤᠰᠢᠭᠤᠨ ᠤ 2015 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2016 ᠤᠨ ᠤ ᠡᠳ᠋ ᠤᠨ | ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | —— 2016 ᠤᠨ ᠤ 1 ᠰᠠᠷ᠎ᠠ ᠶᠢᠨ 31 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2015 ᠤᠨ ᠤ ᠡᠳ᠋ ᠤᠨ ᠵᠠᠰᠠᠭ ᠤᠨ | ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2016 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ | ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠬᠤᠷᠠᠯᠳᠣᠭᠠᠨ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ | ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2015 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2015 ᠤᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ | ᠬᠤᠷᠠᠯ᠂ ᠤᠯᠤᠰ ᠲᠥᠷᠥ ᠶᠢᠨ ᠵᠦᠪᠯᠡᠯᠬᠡᠨ ᠤ ᠬᠢᠨᠠᠯᠲᠠ ᠳᠠᠮᠵᠢᠯᠬᠡ ᠳᠤᠤᠷ᠎ᠠ᠂ ᠣᠷᠣᠯᠭ᠎ᠠ ᠶᠢ ᠠᠤᠨᠬᠤᠨ ᠦᠬᠡᠷᠡᠴᠢᠯᠠᠯᠳᠠ ᠶᠢ ᠠᠬᠢᠭᠤᠯᠵᠣ᠂ ᠪᠦᠳᠦᠴᠡ ᠶᠢ | ᠲᠣᠬᠢᠷᠠᠭᠤᠯᠣᠨ ᠠᠷᠠᠳ ᠤᠨ ᠠᠮᠢᠳᠥᠷᠠᠯ ᠢ ᠰᠠᠶᠢᠵᠢᠷᠠᠭᠤᠯᠵᠤ᠂ ᠡᠬᠢ ᠰᠤᠷᠪᠤᠯᠵᠢ ᠶᠢᠨ ᠴᠡᠭᠴᠡᠯᠡᠯᠳᠠ ᠶᠢᠨ ᠬᠦᠴᠤᠯᠡᠴᠠ ᠪᠠᠨ ᠶᠡᠬᠡᠤᠨᠬᠡᠨ᠂ ᠤᠷᠤᠯᠭ᠎ᠠ ᠶᠢ ᠪᠦᠬᠦ | ᠬᠦᠴᠤᠨ ᠢᠶᠠᠷ ᠵᠤᠬᠢᠶᠠᠨ ᠪᠠᠶᠢᠭᠤᠯᠵᠤ᠂ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠤᠨ᠂ ᠡᠳ᠋ ᠤᠨ ᠵᠠᠰᠠᠭ ᠤᠨ ᠬᠢᠨᠠᠯᠳᠠ ᠶᠢ ᠴᠢᠩᠭᠠᠤᠨᠬᠠᠵᠤ᠂ ᠡᠳ᠋ ᠤᠨ ᠵᠠᠰᠠᠭ | ᠤᠨ ᠤᠷᠤᠯᠭ᠎ᠠ ᠶᠢᠨ ᠳᠤᠭᠳᠠᠭᠤᠨ ᠢᠶᠠᠷ ᠨᠡᠮᠡᠭᠳᠡᠬᠦ ᠶᠢ ᠪᠠᠳᠤᠯᠠᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠪᠠᠨ ᠴᠢᠨᠠᠷᠵᠢᠭᠤᠨ ᠪᠡᠶᠡᠯᠡᠭᠦᠯᠪᠠ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2015 ᠤᠨ ᠳᠤ ᠬᠤᠰᠢᠭᠤ ᠲᠣᠰ ᠱᠠᠳᠤᠨ ᠤ ᠡᠯ᠎ᠡ | ᠲᠠᠯ᠎ᠠ ᠶᠢᠨ ᠤᠷᠤᠯᠭ᠎ᠠ ᠶᠢ ᠵᠢᠱᠢᠯᠳᠠ ᠪᠠᠷ 32.78 ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ | ᠤᠷᠤᠯᠭ᠎ᠠ 16 ᠳ᠋ᠦᠩᠰᠢᠭᠤᠷ ᠲᠥᠭᠦᠷᠢᠭ ︵ᠡᠭᠦᠨ ᠳᠤ ᠱᠠᠩᠬᠠᠢ ᠶᠢᠨ ᠰᠥᠮ᠎ᠡ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ 2.9 ᠳ᠋ᠥᠩᠰᠢᠭᠤᠷ ᠲᠥᠭᠦᠷᠢᠭ ᠢ | ᠪᠠᠭᠳᠠᠭᠠᠨ᠎ᠠ︶᠂ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠵᠥ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ ᠵᠢᠱᠢᠯᠳᠠ ᠪᠠᠷ | 10.22 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 5.38 ᠳ᠋ᠦᠩᠰᠢᠭᠤᠷ ᠲᠦᠭᠦᠷᠢᠭ︔ ᠡᠬᠦᠨᠳᠤ ᠭᠠᠵᠠᠷ ᠤᠷᠤᠨ ᠤ ᠵᠠᠰᠠᠭ ᠤᠨ | ᠤᠷᠳᠤᠨ ᠵᠢᠬᠡᠯᠡᠯᠬᠡ ᠪᠠᠷ ᠠᠯᠪᠠᠨ ᠵᠢᠬᠡᠯᠯᠡᠯᠬᠡ ᠶᠢᠨ ᠳᠡᠮᠳᠡᠭ ᠤᠷᠤᠯᠠᠭᠤᠯᠤᠭᠰᠡᠨ ᠨᠢ 0.5 ᠳ᠋ᠦᠩᠰᠢᠭᠤᠷ ᠲᠦᠬᠦᠷᠢᠭ᠂ ᠵᠠᠰᠠᠭ ᠤᠨ ᠤᠷᠳᠤᠨ ᠤ ᠴᠢᠨᠠᠷᠳᠠᠢ ᠰᠠᠭᠤᠷᠢ | ᠮᠦᠩᠬᠦ ᠳᠠᠳᠠᠭᠰᠡᠨ ᠨᠢ 0.68 ᠳ᠋ᠦᠩᠰᠢᠭᠤᠷ ᠲᠦᠬᠦᠷᠢᠭ᠃ ᠬᠤᠰᠢᠭᠤ ᠲᠤᠰ ᠱᠠᠳᠤᠨ ᠤ ᠡᠯ᠎ᠡ ᠲᠠᠯ᠎ᠠ ᠶᠢᠨ ᠵᠠᠷᠤᠯᠭ᠎ᠠ ᠵᠢᠱᠢᠯᠳᠠ ᠪᠠᠷ 28.38 ᠳ᠋ᠦᠩᠰᠢᠭᠤᠷ | ᠲᠥᠭᠦᠷᠢᠭ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 28.28 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ | ᠵᠠᠷᠤᠯᠭ᠎ᠠ330 ᠲᠥᠮᠡᠨ ᠲᠥᠭᠦᠷᠢᠭ᠂ ᠰᠢᠢᠳᠪᠦᠷᠢᠯᠡᠭᠰᠡᠨ ᠦᠷᠢ ᠦᠭᠴᠡᠭᠡ670 ᠲᠥᠮᠡᠨ ᠲᠦᠭᠦᠷᠢᠭ︔ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 4.4 | ᠳ᠋ᠦᠩᠰᠢᠭᠤᠷ ᠲᠦᠬᠦᠷᠢᠭ᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠳᠠᠪᠣᠨ ᠶᠡᠭᠡ ᠭᠤᠣᠯ | ᠴᠣᠭᠴᠠ ᠶᠢᠨ ᠭᠠᠶᠢᠯᠢ ᠶᠢᠨ ᠳᠦᠷᠥᠯ 1.71 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠳᠥᠰᠥᠪ ᠤᠨ ᠣᠷᠣᠯᠭ᠎ᠠ ᠶᠢᠨ 10.71% ᠶᠢ ᠡᠵᠡᠯᠡᠵᠣ᠂ ᠠᠳᠠᠯᠢ | ᠬᠤᠭᠤᠴᠠᠭᠠᠨ ᠤ ᠬᠢ ᠠᠴᠠ1.04 ᠳ᠋ᠦᠩᠰᠢᠭᠤᠷ ᠳᠦᠭᠦᠷᠢᠭ ᠪᠠᠭᠤᠷᠡᠵᠣ᠂ 37.82% ᠢᠶᠠᠷ ᠪᠠᠭᠤᠷᠠᠪᠠ᠃ ᠡᠬᠦᠨ ᠳᠤ ᠦᠷᠲᠡᠭ ᠤᠨ ᠨᠡᠮᠡᠭᠳᠡᠯ ᠭᠠᠶᠢᠯᠢ 0.55 | ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ4.41% ᠪᠠᠷ ᠪᠠᠭᠤᠷᠠᠪᠠ︔ ᠡᠵᠡᠩᠨᠡᠯᠲᠡ ᠶᠢᠨ ᠭᠠᠶᠢᠯᠢ 0.5 ᠳ᠋ᠦᠩᠰᠢᠭᠤᠷ ᠲᠥᠭᠦᠷᠢᠭ᠂ | ᠠᠳᠠᠯᠢ ᠬᠤᠭᠤᠴᠠᠭᠠᠨ ᠤ ᠬᠢ ᠠᠴᠠ 67.49% ᠪᠠᠷ ᠪᠠᠭᠤᠷᠠᠪᠠ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 390 ᠲᠥᠮᠡᠨ ᠲᠥᠭᠦᠷᠢᠭ᠂ ᠠᠳᠠᠯᠢ | ᠬᠤᠭᠤᠴᠠᠭᠠᠨ ᠤ ᠬᠢ ᠠᠴᠠ 79.46% ᠪᠠᠷ ᠪᠠᠭᠤᠷᠠᠪᠠ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 780 ᠲᠥᠮᠡᠨ ᠲᠥᠭᠦᠷᠢᠭ᠂ ᠠᠳᠠᠯᠢ ᠬᠤᠭᠤᠴᠠᠭᠠᠨ | ᠤ ᠬᠢ ᠠᠴᠠ 19.71 % ᠪᠠᠷ ᠪᠠᠭᠤᠷᠠᠪᠠ︔ ᠡᠬᠢ ᠪᠠᠶᠠᠯᠢᠭ ᠤᠨ ᠭᠠᠶᠢᠯᠢ 0.55 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 60. | 28% ᠪᠠᠷ ᠨᠡᠮᠡᠭᠳᠡᠪᠡ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ ᠮᠦᠴᠢᠷ 0.53 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠵᠢᠯ ᠤᠨ ᠳᠥᠰᠥᠪ ᠤᠨ 40.77% ᠶᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ0.16 ᠳ᠋ᠦᠩᠰᠢᠭᠤᠷ ᠳᠦᠭᠦᠷᠢᠭ ᠪᠠᠭᠤᠷᠡᠵᠣ᠂ | 23.19% ᠪᠠᠷ ᠪᠠᠭᠤᠷᠠᠪᠠ︔ ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 7.72 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ | ᠢᠶᠠᠨ 77.2 % ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ2.21 ᠳ᠋ᠦᠩᠰᠢᠭᠤᠷ ᠲᠥᠭᠦᠷᠢᠭ ᠪᠠᠭᠤᠷᠠᠵᠤ᠂ 22.26% ᠪᠠᠷ ᠪᠠᠭᠤᠷᠪᠠ︔ ᠡᠳ᠋ | ᠤᠨ ᠵᠠᠰᠠᠭ ᠤᠨ ᠰᠠᠯᠠᠭ᠎ᠠ ᠮᠦᠴᠢᠷ 7.75 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ 169.21 % ᠶᠢ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ3.67 ᠳ᠋ᠦᠩᠰᠢᠭᠤᠷ ᠲᠥᠭᠦᠷᠢᠭ ᠨᠡᠮᠡᠭᠳᠡᠵᠤ᠂ 89.95% ᠪᠠᠷ ᠨᠡᠮᠡᠭᠳᠡᠪᠠ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠨᠡᠬᠦᠷᠡᠰᠣᠨ ᠠᠵᠢᠯ ᠲᠦᠷᠦᠯ 0.35 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠡᠶᠢᠳᠡ ᠶᠢᠨ ᠡᠳ᠋ | ᠤᠨ ᠵᠠᠰᠠᠭ ᠤᠨ ᠳᠥᠰᠥᠪ ᠤᠨ ᠤᠷᠤᠯᠭ᠎ᠠ ᠶᠢᠨ 2.16 % ᠶᠢ ᠡᠵᠡᠯᠡᠵᠣ᠂ 9.04 % ᠪᠠᠷ ᠪᠠᠭᠤᠷᠠᠪᠠ︔ ᠰᠢᠲᠠᠮᠠᠬᠠᠢ ᠬᠡᠢ 0.94 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢᠨ 5.87 % ᠶᠢ ᠡᠵᠡᠯᠡᠵᠣ᠂ 83.25 % ᠪᠠᠷ ᠪᠠᠭᠤᠷᠠᠪᠠ︔ ᠴᠡᠬᠢᠯᠭᠠᠨ | ᠬᠦᠴᠣᠨ ᠤ ᠠᠵᠢᠯ ᠲᠦᠷᠦᠯ 0.14 ᠳ᠋ᠦᠩᠰᠢᠭᠤᠷ ᠳᠦᠭᠦᠷᠢᠭ ᠪᠡᠶᠡᠯᠡᠭᠦᠯᠵᠣ᠂ 12.88 % ᠪᠠᠷ ᠪᠠᠭᠤᠷᠠᠪᠠ︔ ᠪᠠᠷᠢᠯᠭ᠎ᠠ ᠶᠢᠨ ᠠᠵᠢᠯ ᠲᠦᠷᠦᠯ 0.47 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 64.76 % ᠪᠠᠷ ᠪᠠᠭᠤᠷᠠᠪᠠ︔ ᠵᠠᠮ ᠲᠡᠬᠡᠬᠡᠪᠣᠷᠢ ᠶᠢᠨ ᠦᠢᠯᠡᠰ 470 ᠲᠥᠮᠡᠨ ᠳᠦᠭᠦᠷᠢᠭ ᠪᠡᠶᠡᠯᠡᠭᠦᠯᠵᠣ᠂ 33. | 87 % ᠪᠠᠷ ᠨᠡᠮᠡᠭᠳᠡᠪᠠ︔ ᠬᠡᠷ ᠬᠦᠷᠦᠩᠬᠡ ᠶᠢᠨ ᠠᠵᠢᠯ ᠲᠦᠷᠦᠯ 0.12 ᠳ᠋ᠦᠩᠰᠢᠭᠤᠷ ᠳᠦᠭᠦᠷᠢᠭ ᠪᠡᠶᠡᠯᠡᠭᠦᠯᠵᠣ᠂ 55.26% ᠪᠠᠷ ᠪᠠᠭᠤᠷᠠᠪᠠ︔ ᠪᠦᠬᠡᠮ | ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.36 ᠳ᠋ᠦᠩᠰᠢᠭᠤᠷ ᠳᠦᠭᠦᠷᠢᠭ ᠪᠡᠶᠡᠯᠡᠭᠦᠯᠵᠣ᠂ 3.96 % ᠪᠠᠷ ᠪᠠᠭᠤᠷᠠᠪᠠ︔ ᠦᠢᠯᠡᠴᠢᠯᠡᠬᠡᠨ ᠤ ᠦᠢᠯᠡᠰ 0. | 11 ᠳ᠋ᠦᠩᠰᠢᠭᠤᠷ ᠳᠦᠭᠦᠷᠢᠭ ᠪᠡᠶᠡᠯᠡᠭᠦᠯᠵᠣ᠂ 93.13 % ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0.13 ᠳ᠋ᠦᠩᠰᠢᠭᠤᠷ ᠳᠦᠭᠦᠷᠢᠭ | ᠪᠡᠶᠡᠯᠡᠭᠦᠯᠵᠣ᠂ 13.59% ᠪᠠᠷ ᠪᠠᠭᠤᠷᠠᠪᠠ︔ ᠪᠣᠰᠣᠳ ᠠᠵᠢᠯ ᠲᠦᠷᠦᠯ 13.21 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ | ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ 242.53 % ᠪᠠᠷ ᠨᠡᠮᠡᠭᠳᠡᠪᠠ᠃ | 2015 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 28.28 ᠳ᠋ᠦᠩᠰᠢᠭᠤᠷ ᠲᠦᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.61% ᠪᠠᠷ ᠨᠡᠮᠡᠭᠳᠡᠪᠠ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 21.51 ᠳ᠋ᠦ᠋ᠩᠰᠢᠭᠤᠷ ᠲᠦᠭᠦᠷᠢᠭ᠂ ᠱᠠᠩᠬᠠᠢ | ᠶᠢᠨ ᠰᠦᠮ᠎ᠡ ᠨᠡᠬᠡᠬᠡᠯᠲᠡ ᠶᠢᠨ ᠣᠷᠣᠨ ᠤ ᠵᠠᠷᠣᠯᠭ᠎ᠠ 2.96 ᠳ᠋ᠦᠩᠰᠢᠭᠤᠷ ᠲᠥᠭᠦᠷᠢᠭ᠂ ᠪᠠᠯᠭᠠᠰᠦ ᠱᠠᠳᠦᠨ ᠤ ᠵᠠᠷᠣᠯᠭ᠎ᠠ 3.81 ᠳ᠋ᠦᠩᠰᠢᠭᠤᠷ ᠲᠦᠭᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2015 ᠤᠨ ᠳᠤ᠂ ᠵᠠᠰᠠᠭ ᠤᠨ ᠤᠷᠳᠤᠨ | ᠤ ᠴᠢᠨᠠᠷ ᠲᠠᠢ ᠰᠠᠭᠤᠷᠢ ᠮᠥᠩᠭᠦ ᠶᠢᠨ ᠤᠷᠤᠯᠭ᠎ᠠ 3140 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 8147 ᠲᠦᠮᠡᠨ ᠲᠦᠬᠦᠷᠢᠭ ᠪᠠᠭᠤᠷᠠᠵᠤ | ᠂ 72.18% ᠪᠠᠷ ᠪᠠᠭᠤᠷᠠᠪᠠ︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦ ᠶᠢᠨ ᠵᠠᠷᠤᠯᠭ᠎ᠠ4205 ᠲᠦᠮᠡᠨ ᠲᠥᠭᠦᠷᠢᠭ ︵ᠡᠬᠦᠨ ᠳᠤ᠄ ᠳᠡᠬᠡᠳᠤ | ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.11 ᠳ᠋ᠦᠩᠰᠢᠭᠤᠷ ᠲᠦᠬᠦᠷᠢᠭ ᠪᠤᠢ︶᠂ ᠠᠳᠠᠯᠢ ᠬᠤᠭᠤᠴᠠᠭᠠᠨ ᠠᠴᠠ 8979 ᠲᠦᠮᠡᠨ ᠲᠦᠬᠦᠷᠢᠭ ᠪᠠᠭᠤᠷᠠᠵᠤ᠂ | 68.1% ᠪᠠᠷ ᠪᠠᠭᠤᠷᠠᠪᠠ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2015 ᠤᠨ ᠳᠤ ᠪᠦᠬᠦ ᠬᠤᠰᠢᠭᠤᠨ ᠤ | ᠨᠡᠶᠢᠬᠡᠮ ᠤᠨ ᠳᠠᠭᠠᠤᠨᠬᠠᠯ ᠤᠨ ᠤᠷᠤᠯᠭ᠎ᠠ ᠶᠢ 1.63 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ | ᠪᠠᠭᠤᠷᠠᠵᠤ᠂ 10.93% ᠪᠠᠷ ᠪᠠᠭᠤᠷᠠᠪᠠ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ ᠶᠢ 1.63 ᠳ᠋ᠦᠩᠰᠢᠭᠤᠷ | ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠠᠴᠠ 0.2 ᠳ᠋ᠦᠩᠰᠢᠭᠤᠷ ᠲᠦᠬᠦᠷᠢᠭ ᠪᠠᠭᠤᠷᠠᠵᠤ᠂ 10.93% ᠪᠠᠷ ᠪᠠᠭᠤᠷᠠᠪᠠ᠃ | 2015 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄ | ︵ᠨᠢᠭᠡ︶ ᠤᠯᠠᠨ ᠠᠷᠭ᠎ᠠ ᠠᠪᠴᠠᠯ ᠢ ᠬᠠᠮᠳᠤ ᠬᠡᠷᠡᠭᠯᠡᠵᠤ ᠤᠷᠤᠯᠭ᠎ᠠ ᠶᠢ ᠨᠡᠮᠡᠭᠳᠡᠬᠦᠯᠤᠨ᠂ ᠡᠳ᠋ ᠤᠨ ᠵᠠᠰᠠᠭ ᠤᠨ ᠪᠠᠳᠤᠯᠠᠭ᠎ᠠ ᠶᠢᠨ ᠲᠦᠪᠰᠢᠨ ᠢ ᠰᠢᠨ᠎ᠠ | ᠳᠡᠬᠡᠭᠰᠢᠯᠡᠯᠳᠠ ᠲᠠᠢ ᠪᠤᠯᠭᠠᠪᠠ᠃ ᠪᠦᠬᠦ ᠬᠤᠰᠢᠭᠤᠨ ᠤ ᠠᠵᠤ ᠠᠬᠤᠢ ᠶᠢᠨ ᠪᠦᠬᠦᠶᠢᠯᠡ ᠴᠤᠭᠴᠠ ᠪᠠᠷ ᠤᠳᠠᠭᠠᠰᠢᠷᠠᠭᠰᠡᠨ ᠪᠠᠶᠢᠳᠠᠯ ᠳᠤ ᠬᠠᠨᠳᠤᠭᠤᠯᠤᠨ᠂ ᠡᠳ᠋ ᠤᠨ | ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠵᠢᠯ ᠤᠨ ᠡᠬᠢᠨ ᠤ ᠤᠷᠤᠯᠭ᠎ᠠ ᠶᠢᠨ ᠬᠠᠷᠠᠯᠳᠠ ᠶᠢ ᠴᠢᠩᠭᠠᠤᠨᠬᠠᠨ ᠬᠦᠴᠤᠯᠡᠵᠤ᠂ ᠳᠤᠭᠳᠠᠮᠠᠯ ᠬᠤᠭᠤᠴᠠᠭ᠎ᠠ | ᠲᠠᠢ ᠪᠠᠷ ᠰᠤᠳᠤᠯᠤᠨ ᠵᠠᠳᠠᠯᠵᠤ ᠳᠤᠬᠢᠷᠠᠭᠤᠯᠬᠤ ᠬᠠᠮᠳᠤᠷᠠᠯ ᠳᠤᠭᠳᠠᠯᠴᠠᠭ᠎ᠠ ᠶᠢ ᠬᠡᠷᠡᠭᠵᠢᠬᠦᠯᠤᠨ᠂ ᠤᠷᠤᠯᠭ᠎ᠠ ᠶᠢᠨ ᠳᠤᠭ᠎ᠠ ᠬᠡᠮᠵᠢᠶ᠎ᠠ ᠶᠢ ᠡᠳᠤᠷ ᠢᠶᠠᠷ ᠬᠤᠭᠤᠴᠠᠭᠠᠯᠠᠨ | ᠪᠦᠷᠢᠤᠨᠬᠡᠵᠤ᠂ ᠤᠷᠤᠯᠭ᠎ᠠ ᠶᠢᠨ ᠠᠬᠢᠯᠳᠠ ᠶᠢ ᠠᠷᠪᠠᠨ ᠡᠳᠤᠷ ᠢᠶᠠᠷ ᠬᠤᠭᠤᠴᠠᠭᠠᠯᠠᠵᠤ ᠤᠶᠢᠯᠠᠭᠠᠨ᠂ ᠤᠷᠤᠯᠭ᠎ᠠ ᠶᠢᠨ ᠪᠠᠶᠢᠳᠠᠯ ᠢ ᠰᠠᠷ᠎ᠠ ᠪᠠᠷ ᠬᠤᠭᠤᠴᠠᠭᠠᠯᠠᠨ | ᠵᠠᠳᠠᠯᠵᠤ᠂ ᠳᠤᠬᠢᠷᠠᠭᠤᠯᠤᠯᠳᠠ ᠶᠢᠨ ᠬᠤᠷᠠᠯ ᠢ ᠤᠯᠠᠷᠢᠯ ᠪᠤᠯᠭᠠᠨ ᠬᠤᠷᠠᠯᠳᠤᠭᠤᠯᠵᠤ᠂ ᠭᠤᠤᠯᠳᠠᠯᠭᠠᠳᠤ ᠠᠵᠤ ᠤᠶᠢᠯᠡᠰ ᠪᠤᠯᠤᠨ ᠲᠦᠷᠤᠯ ᠵᠦᠢᠯ᠂ ᠭᠤᠤᠯᠳᠠᠯᠭᠠᠳᠤ | ᠭᠠᠶᠢᠯᠢ ᠶᠢᠨ ᠠᠵᠤ ᠠᠬᠤᠶᠢᠯᠠᠯ ᠳᠤ ᠬᠠᠨᠳᠤᠭᠤᠯᠤᠭᠰᠡᠨ ᠪᠠᠶᠢᠴᠠᠭᠠᠨ ᠰᠤᠳᠤᠯᠤᠯᠳᠠ ᠶᠢ ᠴᠢᠩᠭᠠᠤᠨᠬᠠᠨ᠂ ᠲᠦᠪ ᠤᠨ ᠠᠵᠤ ᠠᠬᠤᠶᠢᠯᠠᠯ ᠤᠨ ᠬᠠᠷᠢᠶ᠎ᠠ ᠳᠠᠩᠰᠠᠯᠠᠯ ᠢ | ᠬᠦᠴᠤᠯᠡᠨ ᠤᠯᠵᠤ᠂ ᠡᠳ᠋ ᠤᠨ ᠵᠠᠰᠠᠭ ᠤᠨ ᠤᠷᠤᠯᠭ᠎ᠠ ᠪᠠᠨ ᠪᠠᠳᠣᠯᠠᠪᠠ᠃ 2015 ᠤᠨ ᠳᠤ᠂ ᠪᠦᠬᠦ ᠬᠤᠰᠢᠭᠤᠨ ᠤ ᠨᠠᠶᠢᠳᠠ ᠶᠢᠨ ᠲᠦᠰᠤᠪ ᠤᠨ ᠤᠷᠤᠯᠭ᠎ᠠ ᠶᠢ | 16 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠪᠦᠬᠦ ᠤᠷᠤᠨ ᠤ 102 ᠬᠤᠰᠢᠭᠤ ᠰᠢᠶᠠᠨ ᠤ ᠳᠤᠮᠳᠠ 23 ᠳ᠋ᠤᠭᠠᠷ ᠪᠠᠶᠢᠷᠢᠨ ᠳᠤ ᠵᠢᠭᠰᠠᠪᠠ᠃ | ( ᠬᠤᠶᠠᠷ︶ ᠵᠠᠷᠤᠯᠭ᠎ᠠ ᠶᠢ ᠰᠢᠯᠢᠳᠡᠭᠵᠢᠬᠦᠯᠤᠨ ᠠᠷᠠᠤᠨ ᠤᠨ ᠠᠮᠢᠳᠤᠷᠠᠯ ᠢ ᠬᠠᠷᠠᠭᠠᠯᠵᠠᠵᠤ᠂ ᠨᠠᠶᠢᠬᠡᠮ ᠤᠨ ᠠᠵᠢᠯ ᠤᠶᠢᠯᠡᠰ ᠤᠨ ᠬᠦᠭᠵᠢᠯᠳᠠ ᠶᠢ ᠰᠢᠨ᠎ᠠ | ᠰᠢᠪᠳᠤᠯᠤᠯᠳᠠ ᠲᠠᠢ ᠪᠤᠯᠭᠠᠪᠠ᠃ ᠡᠯ᠎ᠡ ᠵᠠᠰᠠᠭ ᠵᠠᠬᠢᠷᠭ᠎ᠠ ᠠᠵᠢᠯ ᠤᠶᠢᠯᠡᠰ ᠤᠨ ᠨᠢᠬᠡᠴᠠ ᠶᠢ ᠠᠷᠪᠢᠯᠠᠭᠤᠯᠤᠨ ᠭᠠᠮᠨᠠᠭᠤᠯᠵᠤ᠂ ᠨᠠᠩ ᠤᠯᠠᠨ ᠡᠳ᠋ ᠤᠨ ᠬᠦᠴᠤᠨ ᠢᠶᠠᠨ | ᠠᠷᠠᠤᠨ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠳᠤ ᠵᠠᠷᠤᠴᠠᠭᠤᠯᠤᠨ᠂ 2015 ᠤᠨ ᠳᠤ ᠠᠷᠠᠤᠨ ᠤᠨ ᠠᠮᠢᠳᠤᠷᠠᠯ ᠤᠨ ᠬᠦᠷᠢᠶ᠎ᠠ ᠴᠡᠷᠠᠭ᠎ᠠ ᠳᠤ 21.28 | ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠪᠦᠬᠦ ᠬᠤᠰᠢᠭᠤᠨ ᠤ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢᠨ 75.25% ᠶᠢ ᠡᠵᠡᠯᠡᠬᠦᠯᠵᠤ᠂ ᠡᠳ᠋ ᠤᠨ | ᠬᠦᠴᠤᠨ ᠢᠶᠠᠨ ᠲᠦᠪᠯᠡᠷᠡᠬᠦᠯᠤᠨ ᠪᠦᠬᠦ ᠬᠤᠰᠢᠭᠤᠨ ᠤ ᠠᠷᠠᠤᠨ ᠢ ᠬᠠᠷᠠᠭᠠᠯᠵᠠᠬᠤ 6 ᠲᠦᠷᠤᠯ ᠤᠨ ᠪᠤᠳᠠᠳᠤ ᠤᠴᠢᠷ ᠤᠨ ᠪᠡᠯᠡ ᠬᠡᠷᠡᠭᠯᠡᠭᠡ ᠶᠢ ᠪᠠᠳᠤᠯᠠᠪᠠ᠃ ᠨᠢᠬᠡ | ᠳᠤ᠂ 1.27 ᠳ᠋ᠦᠩᠰᠢᠭᠤᠷ ᠲᠦᠬᠦᠷᠢᠭ ᠵᠠᠷᠤᠴᠠᠭᠤᠯᠤᠨ᠂ 184 ᠺᠢᠯᠤᠮᠧᠲᠷ ᠤᠨ ᠬᠦᠳᠡᠭᠡ ᠶᠢᠨ ᠳᠤᠰᠤᠨ ᠵᠠᠮ ᠳᠡᠪᠢᠰᠴᠤ᠂ ᠡᠯ᠎ᠡ ᠵᠠᠰᠠᠮᠠᠯ ᠵᠠᠮ ᠢ | ᠳᠡᠬᠦᠯᠳᠡᠷᠵᠢᠬᠦᠯᠤᠨ ᠬᠠᠷᠢᠯᠴᠠᠨ ᠨᠦᠬᠦᠪᠤᠷᠢᠯᠡᠵᠤ᠂ ᠬᠠᠷᠢᠯᠴᠠᠨ ᠨᠡᠪᠳᠡᠷᠡᠯᠴᠡᠭᠰᠡᠨ ᠬᠤᠳᠠ ᠬᠦᠳᠡᠭᠡ ᠶᠢᠨ ᠵᠠᠮ ᠬᠠᠷᠢᠯᠴᠠᠭᠠᠨ ᠤ ᠳᠤᠤᠷᠵᠢᠯ ᠢ ᠪᠦᠷᠢᠯᠳᠤᠬᠦᠯᠪᠠ᠃ | ᠬᠤᠶᠠᠷ ᠲᠤ᠂ 1700 ᠲᠦᠮᠡᠨ ᠲᠦᠬᠦᠷᠢᠭ ᠪᠡᠯᠡ ᠵᠠᠷᠤᠴᠠᠭᠤᠯᠵᠤ᠂ ᠪᠦᠬᠦ ᠠᠷᠠᠤᠨ ᠤᠨ ᠪᠡᠶ᠎ᠡ ᠴᠢᠬᠢᠷᠠᠭᠵᠢᠭᠤᠯᠬᠤ ᠲᠦᠪ ᠢ ᠪᠠᠶᠢᠭᠤᠯᠤᠨ᠂ ᠠᠬᠠᠮᠠᠤᠨ ᠺᠠᠳ᠋ᠷᠴᠤᠤᠨ | ᠤᠨ ᠬᠦᠳᠡᠯᠬᠡᠬᠡᠨ ᠤ ᠳᠠᠯᠠᠪᠠᠢ ᠶᠢ ᠴᠡᠭᠴᠡᠯᠡᠨ ᠰᠠᠶᠢᠵᠢᠷᠠᠭᠤᠯᠵᠤ᠂ ᠡᠯ᠎ᠡ ᠦᠨᠳᠤᠰᠤᠳᠠᠨ ᠡᠯ᠎ᠡ ᠡᠳᠡᠬᠡᠤᠨ ᠤᠨ ᠤᠯᠠᠨ ᠲᠦᠮᠡᠨ ᠪᠠ ᠠᠬᠠᠮᠠᠤᠨ ᠺᠠᠳ᠋ᠷᠴᠤᠤᠨ ᠲᠤ | ᠳᠤᠬᠢᠯᠢᠭ ᠳᠠᠭᠠᠯᠠᠮᠵᠢᠳᠠᠢ ᠠᠭᠤᠳᠠᠮ ᠰᠠᠷᠠᠭᠤᠯ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠤᠷᠤᠨ ᠵᠠᠢ ᠬᠠᠩᠭᠠᠨ᠂ ᠪᠦᠬᠦ ᠠᠷᠠᠤᠨ ᠤᠨ ᠪᠡᠶ᠎ᠡ ᠮᠠᠬᠠᠪᠤᠤᠨ ᠤᠨ ᠬᠡᠪ | ᠴᠢᠨᠠᠷ ᠢ ᠳᠡᠬᠡᠭᠰᠢᠯᠡᠬᠦᠯᠪᠠ᠃ ᠭᠤᠷᠪᠠ ᠳᠤ᠂ 173 ᠲᠦᠮᠡᠨ ᠲᠦᠬᠦᠷᠢᠭ ᠪᠡᠯᠡ ᠵᠠᠷᠤᠴᠠᠭᠤᠯᠤᠨ᠂ ᠴᠡᠪᠡᠷᠯᠡᠭᠡ ᠶᠢᠨ ᠠᠵᠢᠯᠴᠢᠤᠨ ᠲᠤ ᠦᠷᠯᠤᠬᠡᠨ ᠤ ᠬᠤᠭᠤᠯᠠ ᠶᠢᠨ | ᠨᠦᠬᠦᠪᠤᠷᠢ ᠤᠯᠭᠤᠬᠤ ᠶᠢᠨ ᠬᠠᠮᠳᠤ ᠵᠠᠰᠠᠭ ᠤᠨ ᠤᠷᠳᠤᠨ ᠠᠴᠠ ᠬᠡᠨᠡᠳᠡᠯ ᠤᠨ ᠳᠠᠭᠠᠤᠨᠬᠠᠯ ᠢ ᠨᠢ ᠳᠠᠭᠠᠭᠠᠵᠤ᠂ ᠤᠷᠤᠨ ᠳᠤᠭ᠎ᠠ ᠪᠦᠬᠦᠢ ᠪᠠᠭᠰᠢ ᠠᠵᠢᠯᠳᠠᠤᠨ | ᠬᠢᠬᠡᠤᠨ ᠠᠮᠠᠷᠠᠯᠳᠠ ᠪᠠᠨ ᠠᠪᠤᠭᠰᠡᠨ ᠠᠬᠠᠮᠤᠨ ᠪᠠᠭᠰᠢᠨᠠᠷ ᠲᠤ ᠵᠢᠯ ᠳᠤᠳᠤᠮ ᠨᠢᠬᠡ ᠤᠳᠠᠭᠠᠨ ᠤ ᠲᠦᠯᠤᠪᠤᠷᠢ ᠦᠬᠡᠢ ᠡᠷᠡᠬᠦᠯ ᠴᠢᠬᠢᠷᠠᠭ ᠤᠨ ᠪᠠᠶᠢᠴᠠᠭᠠᠯᠳᠠ ᠬᠢᠪᠠ᠃ | ᠲᠦᠷᠪᠠ ᠳᠤ᠂ 6000 ᠲᠦᠮᠡᠨ ᠲᠦᠬᠦᠷᠢᠭ ᠪᠡᠯᠡ ᠵᠠᠷᠤᠴᠠᠭᠤᠯᠵᠤ᠂ ᠤᠷᠢᠳᠠᠪᠠᠷ ᠪᠠᠶᠢᠭᠤᠯᠤᠨ ᠰᠡᠬᠦᠯᠡᠷ ᠨᠦᠬᠦᠬᠦ ᠲᠦᠷᠤ ᠶᠢᠨ ᠪᠤᠳᠤᠯᠭ᠎ᠠ ᠬᠡᠷᠡᠭᠵᠢᠬᠦᠯᠤᠨ | ᠳᠤᠰᠤᠯᠡᠭᠠᠨ ᠤᠰᠤᠯᠠᠬᠤ ᠮᠡᠷᠬᠡᠵᠢᠯ ᠢ ᠲᠦᠬᠡᠮᠡᠯᠵᠢᠬᠦᠯᠤᠨ᠂ ᠠᠷᠪᠢᠳᠠᠢ ᠤᠰᠤᠯᠠᠯᠳᠠ ᠶᠢᠨ ᠳᠠᠯᠠᠪᠠᠢ ᠶᠢ 25 ᠲᠦᠮᠡᠨ ᠮᠤ᠋ ᠦᠷᠬᠡᠤᠨᠬᠡᠵᠤ᠂ ᠤᠰᠤᠨ ᠡᠬᠢ | ᠰᠤᠷᠪᠤᠯᠵᠢ ᠶᠢᠨ ᠦᠷᠬᠦᠯᠵᠢᠬᠦᠶᠢᠴᠠ ᠠᠰᠢᠭᠯᠠᠯᠳᠠ ᠶᠢ ᠪᠡᠶᠡᠯᠡᠬᠦᠯᠪᠠ᠃ ᠳᠠᠪᠤ ᠳᠤ᠂ 120 ᠲᠦᠮᠡᠨ ᠲᠦᠬᠦᠷᠢᠭ ᠪᠡᠯᠡ ᠵᠠᠷᠤᠴᠠᠭᠤᠯᠵᠤ᠂ ᠤᠯᠵᠠᠴᠢ ᠶᠢᠨ ᠪᠠᠯᠭᠠᠰᠤᠨ | ᠳᠤᠭᠤᠷᠢᠭ ᠲᠤ ᠨᠠᠶᠢᠳᠠ ᠶᠢᠨ ᠮᠠᠰᠢᠨ ᠨᠡᠪᠳᠡᠷᠡᠬᠦᠯᠵᠤ᠂ ᠠᠷᠠᠤᠨ ᠤᠯᠠᠨ ᠳᠤ ᠲᠦᠬᠦᠮ ᠦᠵᠡᠬᠦᠯᠪᠠ᠃ ᠵᠢᠷᠭᠤᠭ᠎ᠠ ᠳᠤ᠂ 105 ᠲᠦᠮᠡᠨ ᠲᠦᠬᠦᠷᠢᠭ ᠪᠡᠯᠡ | ᠵᠠᠷᠤᠴᠠᠭᠤᠯᠤᠨ᠂ ᠡᠷᠡᠬᠦᠯ ᠬᠠᠮᠠᠭᠠᠯᠠᠯ ᠤᠨ ᠬᠤᠷᠢᠶᠠᠨ ᠠᠴᠠ 10 ᠺᠢᠯᠤᠮᠧᠲᠷ ᠵᠠᠶᠢᠳᠠᠢ ᠭᠠᠵᠠᠷ ᠰᠠᠭᠤᠷᠢᠰᠢᠬᠤ 45 ᠪᠦᠬᠦᠯᠢ ᠨᠠᠰᠤᠨ ᠠᠴᠠ ᠳᠡᠬᠡᠭᠰᠢᠬᠢ 7000 | ᠡᠷᠤᠬᠡ ᠶᠢᠨ ᠮᠠᠯᠴᠢᠨ ᠳᠠᠷᠢᠶᠠᠴᠢᠤᠨ ᠲᠤ ᠪᠠᠴᠢᠮ ᠠᠪᠤᠷᠠᠯᠳᠠ ᠶᠢᠨ ᠡᠮ ᠤᠨ ᠬᠠᠶᠢᠷᠴᠠᠭ ᠲᠦᠬᠡᠬᠡᠵᠤ᠂ ᠤᠯᠠᠨ ᠲᠦᠮᠡᠨ ᠤ ᠦᠨᠳᠤᠰᠤᠨ ᠪᠠᠴᠢᠮ ᠠᠷᠭᠠᠴᠠᠯᠳᠠ ᠶᠢᠨ | ᠱᠠᠭᠠᠷᠳᠠᠯᠭ᠎ᠠ ᠶᠢ ᠬᠠᠩᠭᠠᠪᠠ︔ 3.7 ᠳ᠋ᠦᠩᠰᠢᠭᠤᠷ ᠲᠦᠬᠦᠷᠢᠭ ᠤᠨ ᠮᠠᠯ ᠳᠠᠷᠢᠶᠠᠯᠠᠩ ᠤᠨ ᠨᠦᠬᠦᠪᠤᠷᠢ ᠮᠦᠩᠬᠦ ᠶᠢ ︽ᠨᠢᠬᠡ ᠺᠠᠷᠲ ᠢᠶᠠᠷ ᠤᠯᠭᠤᠵᠤ︾᠂ ᠡᠬᠦᠨ | ᠳᠤ᠄ ᠠᠮᠤ ᠲᠦᠮᠤᠰᠤᠨ ᠤ ᠰᠢᠭᠤᠤᠨ ᠨᠦᠬᠦᠪᠤᠷᠢ 85 ᠲᠦᠮᠡᠨ ᠲᠦᠬᠦᠷᠢᠭ᠂ ᠳᠠᠷᠢᠶᠠᠯᠠᠩ ᠤᠨ ᠡᠳ᠋ ᠪᠤᠳᠠᠰ ᠤᠨ ᠶᠡᠷᠤᠩᠬᠡᠶᠢᠯᠡᠭᠰᠡᠨ ᠨᠦᠬᠦᠪᠤᠷᠢ 1084 ᠲᠦᠮᠡᠨ | ᠲᠦᠬᠦᠷᠢᠭ᠂ ᠰᠠᠶᠢᠨ ᠡᠬᠦᠯᠳᠡᠷ ᠤᠨ ᠳᠠᠷᠢᠮᠠᠯ ᠤᠨ ᠨᠦᠬᠦᠪᠤᠷᠢ 521 ᠲᠦᠮᠡᠨ ᠲᠦᠬᠦᠷᠢᠭ᠂ ᠰᠢᠯᠵᠢᠭᠰᠡᠨ ᠮᠠᠯᠴᠢᠨ ᠳᠠᠷᠢᠶᠠᠴᠢᠤᠨ ᠤᠨ ᠠᠮᠢᠳᠤᠷᠠᠯ ᠤᠨ ᠨᠦᠬᠦᠪᠤᠷᠢ | 2943 ᠲᠦᠮᠡᠨ ᠲᠦᠬᠦᠷᠢᠭ᠂ ᠨᠤᠳᠤᠭ ᠪᠡᠯᠴᠢᠬᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ 1.4 ᠳ᠋ᠦᠩᠰᠢᠭᠤᠷ ᠲᠦᠬᠦᠷᠢᠭ᠂ ᠨᠠᠶᠢᠳᠠ ᠶᠢᠨ ᠠᠰᠠᠷᠠᠮᠵᠢ ᠶᠢᠨ | ᠤᠢ ᠶᠢᠨ ᠨᠦᠬᠦᠪᠤᠷᠢ 4567 ᠲᠦᠮᠡᠨ ᠲᠦᠬᠦᠷᠢᠭ᠂ ᠳᠠᠷᠢᠶᠠᠨ ᠭᠠᠵᠠᠷ ᠢ ᠠᠳᠠᠷᠰᠢᠭᠤᠯᠤᠨ ᠤᠶᠢᠵᠢᠭᠤᠯᠤᠭᠰᠡᠨ ᠮᠦᠩᠬᠦ 230 ᠲᠦᠮᠡᠨ ᠲᠦᠬᠦᠷᠢᠭ᠂ ᠤᠢ | ᠰᠢᠭᠤᠢ ᠶᠢᠨ ᠬᠠᠮᠠᠭᠠᠯᠠᠯᠳᠠ ᠶᠢᠨ ᠵᠠᠷᠤᠳᠠᠯ 558 ᠲᠦᠮᠡᠨ ᠲᠦᠬᠦᠷᠢᠭ᠂ ᠳᠠᠷᠢᠶᠠᠯᠠᠩ ᠤᠨ ᠮᠠᠰᠢᠨ ᠤ ᠨᠦᠬᠦᠪᠤᠷᠢ 218 ᠲᠦᠮᠡᠨ ᠲᠦᠬᠦᠷᠢᠭ᠂ ᠬᠦᠳᠡᠭᠡ ᠶᠢᠨ | ᠳᠤᠤᠷ᠎ᠠ ᠪᠠᠳᠤᠯᠠᠭ᠎ᠠ ᠶᠢᠨ ᠪᠡᠯᠡ 1617 ᠲᠦᠮᠡᠨ ᠲᠦᠬᠦᠷᠢᠭ᠂ ᠬᠤᠳᠠ ᠶᠢᠨ ᠰᠠᠭᠤᠭᠠᠯᠢ ᠠᠷᠠᠤᠨ ᠤᠨ ᠳᠤᠤᠷ᠎ᠠ ᠪᠠᠳᠤᠯᠠᠭ᠎ᠠ ᠶᠢᠨ ᠪᠡᠯᠡ 894 ᠲᠦᠮᠡᠨ | ᠲᠦᠬᠦᠷᠢᠭ ᠵᠠᠷᠤᠴᠠᠭᠤᠯᠵᠤ᠂ ᠠᠷᠠᠤᠨ ᠢ ᠬᠠᠷᠠᠭᠠᠯᠵᠠᠬᠤ ᠡᠯ᠎ᠡ ᠲᠦᠷᠤᠯ ᠤᠨ ᠪᠤᠳᠤᠯᠭ᠎ᠠ ᠰᠢᠢᠤᠨᠪᠤᠷᠢ ᠶᠢ ᠯᠠᠪᠳᠠᠭᠤᠨ ᠪᠠᠳᠤᠳᠠᠢ ᠨᠠᠶᠢᠳᠠᠪᠤᠷᠢᠵᠢᠭᠤᠯᠪᠠ᠃ | ︵ᠭᠤᠷᠪᠠ︶ ᠬᠢᠨᠠᠯᠳᠠ ᠬᠠᠮᠢᠶᠠᠷᠤᠯᠳᠠ ᠪᠠᠨ ᠴᠢᠩᠭᠠᠤᠨᠬᠠᠵᠤ᠂ ᠡᠳ᠋ ᠤᠨ ᠵᠠᠰᠠᠭ ᠤᠨ ᠬᠠᠮᠢᠶᠠᠷᠤᠯᠳᠠ ᠶᠢᠨ ᠲᠦᠪᠰᠢᠨ ᠢᠶᠠᠨ ᠤᠯᠠᠮ ᠳᠡᠬᠡᠭᠰᠢᠯᠡᠬᠦᠯᠪᠠ᠃ ᠡᠳ᠋ | ᠤᠨ ᠵᠠᠰᠠᠭ ᠤᠨ ᠪᠡᠯᠡ ᠮᠦᠩᠬᠦ ᠳᠤ ᠶᠠᠪᠤᠴᠠ ᠶᠢᠨ ᠡᠮᠤᠨᠡᠬᠢ ᠬᠢᠨᠠᠯᠳᠠ ᠴᠤᠬᠤᠯᠠᠪᠤᠷᠢᠯᠠᠯᠳᠠ᠂ ᠶᠠᠪᠤᠴᠠ ᠳᠤᠮᠳᠠᠬᠢ ᠬᠢᠨᠠᠯᠳᠠ ᠬᠠᠮᠢᠶᠠᠷᠤᠯᠳᠠ᠂ ᠳᠡᠬᠦᠰᠦᠭᠰᠡᠨ ᠤ | ᠳᠠᠷᠠᠭᠠᠬᠢ ᠦᠷ᠎ᠠ ᠪᠦᠳᠤᠮᠵᠢ ᠶᠢᠨ ᠬᠠᠷᠢᠭᠤᠴᠠᠯᠭ᠎ᠠ ᠠᠰᠠᠭᠤᠬᠤ ᠪᠦᠬᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢ ᠬᠦᠢᠴᠡᠤᠨ ᠴᠢᠩᠭᠠᠤᠨᠬᠠᠵᠤ᠂ ᠪᠡᠯᠡ ᠮᠦᠩᠬᠦᠨ ᠤ | ᠠᠮᠤᠷ ᠲᠦᠪᠰᠢᠨ ᠢ ᠪᠠᠳᠤᠯᠠᠨ ᠪᠦᠳᠤᠮᠵᠢᠳᠠᠢ ᠠᠰᠢᠭᠯᠠᠪᠠ᠃ ᠡᠳ᠋ ᠤᠨ ᠵᠠᠰᠠᠭ ᠤᠨ ᠲᠦᠰᠤᠪ ᠪᠠ ᠬᠦᠢᠴᠡᠤᠨᠬᠡᠯ᠂ ᠰᠠᠯᠠᠭ᠎ᠠ ᠮᠦᠴᠢᠷ ᠤᠨ ᠲᠦᠰᠤᠪ ᠪᠠ | ᠬᠦᠢᠴᠡᠤᠨᠬᠡᠯ ᠵᠢᠴᠢ ︽ᠭᠤᠷᠪᠠᠨ ᠠᠯᠪᠠᠨ︾ ᠵᠠᠷᠤᠳᠠᠯ ᠢ ᠪᠦᠬᠦ ᠳᠠᠯ᠎ᠠ ᠪᠠᠷ ᠢᠯᠡᠰᠢᠬᠦᠯᠵᠤ᠂ ︽ᠭᠤᠷᠪᠠᠨ ᠠᠯᠪᠠᠨ︾ ᠵᠠᠷᠤᠳᠠᠯ ᠤᠨ ᠬᠠᠮᠢᠶᠠᠷᠤᠯᠳᠠ ᠡᠵᠡᠮᠰᠢᠯ ᠢ | ᠴᠢᠩᠭᠠᠤᠨᠬᠠᠨ᠂ ᠵᠠᠷᠤᠯᠭ᠎ᠠ ᠶᠢ ᠶᠡᠬᠡᠪᠡᠷ ᠪᠠᠭᠤᠷᠠᠭᠤᠯᠪᠠ᠃ 2015 ᠤᠨ ᠳᠤ ᠪᠦᠬᠦ ᠬᠤᠰᠢᠭᠤᠨ ᠤ ︽ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ 2717 | ᠲᠦᠮᠡᠨ ᠲᠦᠬᠦᠷᠢᠭ ᠬᠦᠷᠴᠤ᠂ ᠠᠳᠠᠯᠢ ᠬᠤᠭᠤᠴᠠᠭᠠᠨ ᠤ ᠬᠢ ᠠᠴᠠ 25.25% ᠪᠠᠭᠤᠷᠠᠭᠤᠯᠤᠨ᠂ ᠡᠩ ᠤᠨ ᠠᠯᠪᠠᠨ ᠵᠠᠷᠤᠯᠭ᠎ᠠ ᠶᠢᠨ ︽ᠳᠡᠭ ᠦᠰᠤᠯᠳᠠ︾ ᠶᠢ | ᠪᠡᠶᠡᠯᠡᠬᠦᠯᠪᠠ᠃ ᠦᠷᠢ ᠦᠭᠴᠡᠬᠡᠨ ᠤ ᠬᠠᠮᠢᠶᠠᠷᠤᠯᠳᠠ ᠶᠢ ᠴᠢᠩᠭᠠᠤᠨᠬᠠᠵᠤ᠂ ᠬᠢᠨᠠᠯᠳᠠ ᠴᠤᠬᠤᠯᠠᠪᠤᠷᠢᠯᠠᠯ ᠢ ᠳᠠᠮᠵᠢᠬᠤ ᠦᠬᠡᠢ ᠪᠠᠷ ᠦᠷᠢ ᠳᠠᠯᠪᠢᠬᠤ ᠶᠢ ᠬᠤᠷᠢᠭᠯᠠᠪᠠ︔ | ᠦᠷᠢ ᠬᠤᠯᠠᠯᠳᠠ ᠶᠢᠨ ᠪᠡᠯᠡ ᠮᠦᠩᠬᠦ ᠶᠢ ᠤᠯᠠᠨ ᠠᠷᠭ᠎ᠠ ᠠᠪᠴᠠᠯ ᠢᠶᠠᠷ ᠴᠤᠭᠯᠠᠭᠤᠯᠵᠤ᠂ ᠦᠯᠡᠳᠡᠭᠳᠡᠯ ᠦᠷᠢ ᠶᠢ ᠪᠦᠳᠤᠮᠵᠢᠳᠠᠢ ᠰᠢᠢᠤᠨᠪᠤᠷᠢᠯᠡᠪᠠ᠃ 2015 | ᠤᠨ ᠳᠤ᠂ ᠵᠠᠰᠠᠭ ᠤᠨ ᠤᠷᠳᠤᠨ ᠤ ᠴᠢᠨᠠᠷᠳᠠᠢ ᠦᠯᠡᠳᠡᠭᠳᠡᠯ ᠦᠷᠢ ᠶᠢ 9.78 ᠳ᠋ᠥᠩᠰᠢᠭᠤᠷ ᠲᠦᠬᠦᠷᠢᠭ ᠰᠢᠢᠤᠨᠪᠤᠷᠢᠯᠡᠵᠤ ︵ᠡᠬᠦᠨᠳᠤ ᠠᠯᠪᠠᠨ ᠵᠢᠬᠡᠯᠯᠡᠭᠡ ᠶᠢᠨ | ᠳᠡᠮᠳᠡᠭ ᠤᠨ ᠪᠡᠯᠡ ᠮᠦᠩᠬᠦ ᠰᠤᠯᠢᠬᠤ ᠪᠠᠷ 5.76 ᠳ᠋ᠥᠩᠰᠢᠭᠤᠷ ᠲᠦᠬᠦᠷᠢᠭ ᠰᠢᠢᠤᠨᠪᠤᠷᠢᠯᠡᠪᠠ︶᠂ ᠦᠯᠡᠳᠡᠭᠳᠡᠯ ᠦᠷᠢ ᠶᠢᠨ ᠶᠡᠷᠤᠩᠬᠡᠢ ᠬᠡᠮᠵᠢᠶ᠎ᠠ 28.26% | ᠪᠠᠭᠤᠷᠠᠪᠠ︔ ᠰᠢᠨ᠎ᠠ ᠨᠡᠮᠡᠭᠳᠡᠭᠰᠡᠨ ᠦᠷᠢ 62562 ᠲᠦᠮᠡᠨ ᠲᠦᠬᠦᠷᠢᠭ ︵ᠡᠬᠦᠨᠳᠤ ᠠᠯᠪᠠᠨ ᠵᠢᠬᠡᠯᠯᠡᠭᠡ ᠶᠢᠨ ᠳᠡᠮᠳᠡᠭ ᠤᠨ ᠪᠡᠯᠡ ᠮᠦᠩᠬᠦ ᠰᠤᠯᠢᠭᠰᠡᠨ ᠨᠢ | 57562 ᠲᠦᠮᠡᠨ ᠲᠦᠬᠦᠷᠢᠭ᠂ ᠰᠢᠨ᠎ᠠ ᠨᠡᠮᠡᠭᠳᠡᠭᠰᠡᠨ ᠠᠯᠪᠠᠨ ᠵᠢᠬᠡᠯᠡᠯᠬᠡ ᠶᠢᠨ ᠳᠡᠮᠳᠡᠭ 5000 ᠲᠦᠮᠡᠨ ᠲᠦᠬᠦᠷᠢᠭ︶᠃ ᠡᠳ᠋ ᠤᠨ ᠵᠠᠰᠠᠭ ᠤᠨ ᠲᠦᠷ ᠴᠠᠭ | ᠤᠨ ᠴᠢᠨᠠᠷᠳᠠᠢ ᠦᠷᠢ ᠦᠭᠴᠡᠭᠡ ᠶᠢ ᠪᠦᠬᠦᠳᠠ ᠶᠢ ᠴᠡᠪᠡᠷᠯᠡᠵᠤ᠂ ᠳᠤᠰᠬᠠᠢ ᠲᠦᠷᠤᠯ ᠤᠨ ᠪᠡᠯᠡ ᠮᠥᠩᠭᠦ ᠶᠢ ᠤᠯᠭᠤᠵᠤ ᠥᠭᠭᠦ ᠭᠥᠴᠥᠯᠡᠴᠡ ᠪᠠᠨ ᠨᠡᠮᠡᠭᠳᠡᠭᠦᠯᠥᠨ᠂ | ᠤᠯᠭᠤᠨ ᠥᠭᠭᠦᠭᠰᠡᠨ ᠨᠤᠷᠮ᠎ᠠ ᠶᠢ 45% ᠭᠥᠷᠭᠡᠪᠡ᠃ | ︵ᠲᠥᠷᠪᠡ︶ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠡᠳ᠋ ᠤᠨ ᠵᠠᠰᠠᠭ ᠤᠨ ᠪᠠᠶᠢᠭᠤᠯᠤᠮᠵᠢ ᠶᠢᠨ ᠲᠤᠭᠳᠠᠴᠠ ᠶᠢ ᠤᠯᠠᠮ ᠲᠡᠭᠦᠯᠳᠡᠷᠵᠢᠭᠦᠯᠪᠡ᠃ | ᠬᠠᠮᠢᠶᠠᠷᠤᠯᠳᠠᠳ ᠶᠢᠨ ᠠᠷᠭ᠎ᠠ ᠠᠪᠴᠠᠯ ᠢ ᠰᠢᠨᠡᠴᠢᠯᠡᠵᠥ᠂ ᠠᠵᠢᠯᠯᠠᠭ᠎ᠠ ᠡᠮᠬᠢᠳᠡᠢ᠂ ᠬᠠᠮᠢᠶᠠᠷᠤᠯᠳᠠ ᠲᠥᠷᠢᠮᠵᠢᠯ ᠲᠠᠢ᠂ ᠭᠥᠯᠢᠶᠡᠰᠥᠯᠡᠯ ᠭᠥᠴᠥᠳᠡᠢ᠂ ᠰᠢᠨᠵᠢᠯᠡᠭᠦ | ᠤᠬᠠᠭᠠᠨᠴᠢ ᠥᠨᠳᠥᠷ ᠪᠥᠳᠥᠮᠵᠢ ᠲᠠᠢ ᠡᠳ᠋ ᠤᠨ ᠵᠠᠰᠠᠭ ᠤᠨ ᠬᠠᠮᠢᠶᠠᠷᠤᠯᠳᠠ ᠶᠢᠨ ᠲᠥᠷᠢᠮ ᠢ ᠢᠳᠡᠪᠬᠢᠯᠡᠨ ᠪᠠᠶᠢᠭᠤᠯᠪᠠ᠃ ᠤᠯᠠᠨ ᠨᠡᠶᠢᠳᠡ ᠶᠢᠨ ᠲᠥᠰᠥᠪ᠂ ᠵᠠᠰᠠᠭ | ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ᠂ ᠤᠯᠤᠰ ᠤᠨ ᠥᠮᠴᠢᠯᠡᠯᠳᠤ ᠡᠳ᠋ ᠭᠥᠷᠥᠩᠭᠡ ᠶᠢᠨ ᠡᠵᠡᠩᠨᠡᠯᠳᠡ ᠶᠢᠨ ᠲᠥᠰᠥᠪ᠂ ᠨᠡᠶᠢᠭᠡᠮ ᠤᠨ | ᠪᠠᠳᠤᠯᠠᠭ᠎ᠠ ᠶᠢᠨ ᠲᠥᠰᠥᠪ ᠤᠨ ᠲᠤᠭᠳᠠᠭᠠᠯᠳᠠ ᠶᠢ ᠢᠳᠡᠪᠬᠢᠳᠡᠢ ᠯᠠᠪᠳᠠᠭᠤᠨ ᠠᠬᠢᠭᠤᠯᠵᠤ᠂ ᠲᠥᠰᠥᠪ ᠲᠤᠭᠳᠠᠭᠠᠯᠳᠠ ᠶᠢᠨ ᠰᠢᠨᠵᠢᠯᠡᠭᠦ ᠤᠬᠠᠭᠠᠨᠴᠢ ᠴᠢᠨᠠᠷ ᠪᠠ ᠵᠥᠢ | ᠵᠤᠬᠢᠰᠳᠤ ᠴᠢᠨᠠᠷ ᠵᠢᠴᠢ ᠪᠥᠳᠥᠮᠵᠢᠳᠤ ᠴᠢᠨᠠᠷ ᠢ ᠲᠡᠭᠡᠭᠰᠢᠯᠡᠭᠦᠯᠪᠡ︔ ᠤᠯᠤᠰ ᠤᠨ ᠭᠥᠮᠥᠷᠭᠡ ᠠᠴᠠ ᠲᠥᠪᠯᠡᠷᠡᠩᠭᠦᠢ ᠤᠯᠭᠤᠬᠤ ᠥᠭᠡᠷᠡᠴᠢᠯᠡᠯᠳᠡ ᠶᠢ | ᠲᠡᠭᠦᠯᠳᠡᠷᠵᠢᠭᠦᠯᠥᠨ᠂ ᠠᠯᠪᠠᠨ ᠺᠠᠷᠲ ᠢᠶᠠᠷ ᠲᠠᠰᠤᠯᠤᠨ ᠪᠤᠳᠤᠵᠤ ᠲᠠᠩᠰᠠ ᠲᠠᠶᠢᠯᠬᠤ ᠭᠤᠷᠢᠮ ᠪᠠ ᠡᠳ᠋ ᠤᠨ ᠵᠠᠰᠠᠭ ᠤᠨ ᠬᠢᠨᠠᠨ ᠴᠤᠬᠤᠯᠠᠪᠤᠷᠢᠯᠠᠯ ᠤᠨ ᠲᠠᠷᠠᠭᠠᠯᠠᠯ ᠢ | ᠤᠯᠠᠮ ᠲᠥᠷᠢᠮᠵᠢᠭᠦᠯᠵᠥ᠂ ᠡᠳ᠋ ᠤᠨ ᠵᠠᠰᠠᠭ ᠤᠨ ᠪᠡᠯᠡ ᠮᠥᠩᠭᠦᠨ ᠤ ᠬᠠᠮᠢᠶᠠᠷᠤᠯᠳᠠ ᠡᠵᠡᠮᠳᠡᠯ ᠢ ᠡᠬᠢ ᠡᠭᠦᠰᠥᠯ ᠠᠴᠠ ᠨᠢ ᠴᠢᠩᠭᠠᠳᠬᠠᠪᠠ᠃ ︽ᠡᠵᠡᠩᠨᠡᠯᠳᠡ ᠶᠢᠨ | ᠭᠠᠶᠢᠯᠢ ᠶᠢ ᠨᠡᠮᠡᠭᠳᠡᠯ ᠥᠷᠳᠡᠭ ᠤᠨ ᠭᠠᠶᠢᠯᠢ ᠪᠠᠷ ᠥᠭᠡᠷᠡᠴᠢᠯᠡᠭᠦ︾ ᠲᠤᠷᠰᠢᠯᠳᠠ ᠶᠢᠨ ᠴᠡᠭ ᠤᠨ ᠠᠵᠢᠯ ᠢ ᠥᠷᠭᠦᠯᠵᠢᠯᠡᠨ ᠠᠬᠢᠭᠤᠯᠵᠤ᠂ ᠭᠠᠶᠢᠯᠢ ᠶᠢᠨ ᠶᠠᠪᠤᠳᠠᠯ | ᠪᠤᠯᠤᠨ ᠨᠡᠶᠢᠭᠡᠮ ᠤᠨ ᠪᠠᠳᠤᠯᠠᠭ᠎ᠠ ᠪᠠᠷ ᠭᠤᠤᠯ ᠠᠷᠭᠠᠠᠪᠴᠠᠯ ᠪᠤᠯᠭᠠᠭᠰᠠᠨ ᠲᠤᠬᠢᠷᠠᠭᠤᠯᠤᠯᠳᠠ ᠶᠢᠨ ᠲᠤᠭᠳᠠᠴᠠ ᠶᠢᠨ ᠥᠭᠡᠷᠡᠴᠢᠯᠡᠯᠳᠡ ᠶᠢ ᠳᠡᠬᠦᠯᠳᠡᠷᠵᠢᠬᠦᠯᠤᠨ᠂ | ᠪᠠᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠪᠠ ᠬᠤᠪᠢ ᠡᠵᠡᠩᠨᠡᠯᠳᠡ ᠶᠢᠨ ᠥᠢᠯᠡᠳᠪᠥᠷᠢ ᠬᠤᠳᠠᠯᠳᠤᠭᠠᠨ ᠤ ᠡᠷᠥᠭᠡ ᠶᠢᠨ ᠡᠯ᠎ᠡ ᠲᠥᠷᠥᠯ ᠤᠨ ᠭᠠᠶᠢᠯᠢ ᠶᠢᠨ | ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠪᠥᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠥᠭᠵᠢᠯᠳᠡ ᠶᠢ ᠲᠡᠮᠵᠢᠨ ᠲᠥᠷᠭᠡᠳᠭᠡᠪᠡ᠃ ᠵᠠᠰᠠᠭ | ᠤᠨ ᠤᠷᠳᠤᠨ ᠤ ᠬᠤᠳᠠᠯᠳᠤᠨ ᠠᠪᠬᠤ ᠠᠵᠢᠯ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠦᠷᠢᠶ᠎ᠠ ᠴᠠᠷᠠᠭ᠎ᠠ ᠪᠠ | ᠬᠡᠪᠴᠢᠶᠡᠵᠢᠯ ᠢ ᠳᠠᠰᠤᠷᠠᠯᠳᠠ ᠦᠬᠡᠢ ᠦᠷᠬᠡᠤᠨᠬᠡᠵᠤ᠂ 2015 ᠤᠨ ᠳᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠬᠡᠪᠴᠢᠶᠡᠵᠢᠯ 8355.88 ᠲᠦᠮᠡᠨ | ᠲᠦᠬᠦᠷᠢᠭ ᠬᠦᠷᠴᠤ᠂ 171.98 ᠲᠦᠮᠡᠨ ᠲᠦᠬᠦᠷᠢᠭ ᠪᠡᠯᠡ ᠮᠦᠩᠬᠦ ᠠᠷᠪᠢᠯᠠᠵᠤ᠂ ᠪᠡᠯᠡ ᠮᠦᠩᠬᠦᠨ ᠠᠷᠪᠢᠯᠠᠯᠳᠠ ᠶᠢᠨ ᠨᠤᠷᠮ᠎ᠠ 2.06% ᠬᠦᠷᠪᠠ᠃ | ︵ᠳᠠᠪᠤ︶ ᠡᠳ᠋ ᠤᠨ ᠬᠦᠴᠤᠨ ᠤ ᠳᠡᠮᠵᠢᠯᠬᠡ ᠶᠢ ᠴᠢᠷᠮᠠᠶᠢᠨ ᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠳᠠ ᠶᠢ ᠪᠦᠳᠤᠮᠵᠢᠳᠠᠢ ᠪᠠᠭᠠᠰᠬᠠᠪᠠ᠃ | ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠶᠢ ᠰᠠᠶᠢᠳᠤᠷ ᠰᠤᠳᠤᠯᠵᠤ᠂ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤᠯ ᠵᠦᠢᠯ ᠪᠠ | ᠪᠡᠯᠡ ᠮᠦᠩᠬᠦᠨ ᠳᠡᠮᠵᠢᠯᠬᠡ ᠶᠢ ᠴᠢᠷᠮᠠᠶᠢᠨ ᠤᠯᠵᠤ᠂ ᠳᠤᠰ ᠵᠢᠯ ᠳᠤ ᠳᠡᠬᠡᠳᠤ ᠱᠠᠳᠤᠨ ᠤ ᠡᠳ᠋ ᠤᠨ ᠵᠠᠰᠠᠭ ᠤᠨ ᠪᠡᠯᠡ ᠮᠦᠩᠬᠦ ᠶᠢ ᠨᠠᠶᠢᠳᠠ 15.99 ᠳ᠋ᠦᠩᠰᠢᠭᠤᠷ | ᠲᠦᠬᠦᠷᠢᠭ ᠤᠯᠵᠤ᠂ ᠡᠬᠦᠨᠳᠤ ᠰᠢᠯᠵᠢᠬᠦᠯᠤᠨ ᠤᠯᠭᠤᠭᠰᠡᠨ ᠪᠡᠯᠡ ᠮᠦᠩᠬᠦ 1.83 ᠳ᠋ᠥᠩᠰᠢᠭᠤᠷ ᠲᠦᠬᠦᠷᠢᠭ᠂ ᠵᠠᠰᠠᠭ ᠤᠨ ᠤᠷᠳᠤᠨ ᠤ ᠴᠢᠨᠠᠷᠳᠠᠢ ᠵᠢᠭᠡᠯᠡᠯᠭᠡ ᠶᠢ | 6.26 ᠳ᠋ᠥᠩᠰᠢᠭᠤᠷ ᠲᠥᠭᠦᠷᠢᠭ᠂ ᠲᠤᠰᠬᠠᠢ ᠲᠥᠷᠥᠯ ᠤᠨ ᠪᠡᠯᠡ ᠮᠥᠩᠭᠦ ᠶᠢ 7.9 ᠳ᠋ᠥᠩᠰᠢᠭᠤᠷ ᠲᠥᠭᠦᠷᠢᠭ ︵ᠡᠭᠦᠨ ᠳᠤ ᠡᠳ᠋ ᠤᠨ ᠵᠠᠰᠠᠭ ᠤᠨ ᠰᠠᠯᠠᠭ᠎ᠠ | ᠮᠥᠴᠢᠷ ᠳᠠᠪᠠᠭᠤᠯᠢᠭ ᠲᠤ ᠪᠠᠨ ᠰᠠᠭᠤᠷᠢᠯᠠᠨ ᠲᠦᠪ ᠤᠨ ᠠᠯᠠᠰᠢᠨ ᠮᠠᠯ ᠳᠡᠵᠢᠬᠡᠨ ᠦᠷᠡᠵᠢᠬᠦᠯᠬᠦ ᠳᠤᠰᠬᠠᠢ ᠲᠦᠷᠤᠯ ᠤᠨ ᠪᠡᠯᠡ ᠶᠢ 0.23 ᠳ᠋ᠥᠩᠰᠢᠭᠤᠷ | ᠲᠥᠭᠦᠷᠢᠭ ᠤᠯᠵᠤ᠂ ᠤᠷᠳᠤᠰ ᠬᠤᠳᠠ ᠶᠢᠨ ᠮᠠᠯ ᠳᠠᠷᠢᠶᠠᠯᠠᠩ ᠤᠨ ᠪᠦᠳᠤᠬᠡᠭᠳᠡᠬᠦᠨ ᠤ ᠡᠬᠢ ᠶᠢ ᠬᠡᠳᠡᠷᠬᠦ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠳᠠ ᠶᠢᠨ | ᠲᠦᠷᠤᠯ ᠵᠦᠢᠯ ᠤᠨ ᠪᠡᠯᠡ ᠮᠦᠩᠬᠦ 800 ᠲᠦᠮᠡᠨ ᠲᠦᠬᠦᠷᠢᠭ ᠤᠯᠪᠠ᠂ ᠡᠳ᠋ ᠤᠨ ᠵᠠᠰᠠᠭ ᠤᠨ ︽ᠨᠢᠬᠡ ᠬᠡᠷᠡᠭ ᠢ ᠨᠢᠬᠡ ᠵᠦᠪᠯᠡᠬᠦ︾ ᠱᠠᠩᠨᠠᠯ ᠨᠦᠬᠦᠪᠤᠷᠢ ᠶᠢᠨ | ᠲᠦᠷᠤᠯ ᠵᠦᠢᠯ 16᠂ ᠱᠠᠩᠨᠠᠯ ᠨᠦᠬᠦᠪᠤᠷᠢ ᠶᠢᠨ ᠪᠡᠯᠡ ᠮᠦᠩᠬᠦ 676 ᠲᠦᠮᠡᠨ ᠲᠦᠬᠦᠷᠢᠭ ᠤᠯᠪᠠ︔ ᠨᠤᠳᠤᠭ ᠪᠡᠯᠴᠢᠬᠡᠷ ᠤᠨ ᠪᠠᠶᠢᠭᠤᠯᠤᠯᠳᠠ ᠶᠢᠨ ᠲᠦᠷᠤᠯ | ᠵᠦᠢᠯ ᠤᠨ ᠪᠡᠯᠡ ᠮᠦᠩᠬᠦ 2768 ᠲᠦᠮᠡᠨ ᠲᠦᠬᠦᠷᠢᠭ ᠤᠯᠵᠤ᠂ ᠠᠵᠤ ᠤᠶᠢᠯᠡᠰᠵᠢᠭᠰᠡᠨ ᠲᠦᠷᠤᠯ ᠵᠦᠢᠯ 6᠂ ᠪᠡᠯᠡ ᠮᠦᠩᠬᠦ 805 ᠲᠦᠮᠡᠨ ᠲᠦᠬᠦᠷᠢᠭ ᠤᠯᠪᠠ | ︶᠃ ᠡᠳ᠋ ᠤᠨ ᠵᠠᠰᠠᠭ ᠤᠨ ᠪᠡᠯᠡ ᠮᠦᠩᠬᠦᠨ ᠭᠠᠴᠢᠭᠳᠠᠯ ᠢ ᠪᠦᠳᠤᠮᠵᠢᠳᠠᠢ ᠠᠶᠠᠷᠠᠭᠤᠯᠪᠠ᠃ | ᠲᠦᠯᠤᠬᠡᠯᠡᠭᠴᠢᠤᠨ ᠡ᠂ 2015 ᠤᠨ ᠤ ᠡᠳ᠋ ᠤᠨ ᠵᠠᠰᠠᠭ ᠤᠨ ᠲᠦᠰᠤᠪ ᠤᠨ ᠬᠡᠷᠡᠭᠵᠢᠬᠦᠯᠤᠯᠳᠠ ᠶᠢᠨ ᠪᠠᠶᠢᠳᠠᠯ ᠶᠡᠷᠤᠩᠬᠡᠢ ᠳᠤ ᠪᠠᠨ ᠰᠠᠶᠢᠨ ᠪᠠᠶᠢᠵᠤ᠂ | ᠤᠷᠤᠯᠭ᠎ᠠ ᠵᠠᠷᠤᠯᠭ᠎ᠠ ᠶᠢᠨ ᠬᠡᠪᠴᠢᠶᠡᠵᠢᠯ ᠤᠯᠠᠮ ᠨᠢᠬᠡ ᠠᠯᠬᠤᠮ ᠦᠷᠬᠡᠤᠨᠴᠤ᠂ ᠡᠳ᠋ ᠤᠨ ᠵᠠᠰᠠᠭ ᠤᠨ ᠪᠠᠳᠤᠯᠠᠭ᠎ᠠ ᠶᠢᠨ ᠴᠢᠳᠠᠪᠤᠷᠢ ᠢᠯᠡᠤᠨᠳᠠ ᠳᠡᠬᠡᠭᠰᠢᠯᠡᠪᠠ᠃ | ᠬᠡᠪᠡᠴᠤ ᠪᠢᠳᠠ ᠡᠳ᠋ ᠤᠨ ᠵᠠᠰᠠᠭ ᠤᠨ ᠠᠵᠢᠯ ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠳᠠᠨᠢᠬᠤ ᠬᠡᠷᠡᠭᠲᠡᠢ᠄ ᠨᠢᠬᠡ ᠳᠤ᠂ ᠡᠳ᠋ ᠤᠨ ᠬᠦᠴᠤᠨ | ᠪᠠ ᠪᠡᠯᠡ ᠮᠦᠩᠬᠦᠨ ᠤ ᠬᠤᠤᠰ ᠨᠦᠯᠤᠬᠡᠯᠡᠯ ᠢᠶᠠᠷ ᠭᠠᠵᠠᠷ ᠤᠷᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠢᠯᠡᠤᠨᠳᠠ ᠳᠤᠪᠤᠶᠢᠮ᠎ᠠ᠂ ᠠᠷᠠᠤᠨ | ᠤᠨ ᠠᠮᠢᠳᠤᠷᠠᠯ᠂ ᠦᠷᠢ ᠶᠢ ᠰᠢᠢᠤᠨᠪᠤᠷᠢᠯᠡᠬᠦ ᠵᠡᠷᠬᠡ ᠪᠠᠳᠤᠯᠠᠭ᠎ᠠ ᠶᠢᠨ ᠬᠦᠴᠤᠯᠡᠴᠠ ᠶᠢ ᠶᠡᠬᠡᠤᠨᠬᠡᠬᠦ ᠴᠢᠬᠤᠯᠠᠳᠠᠢ︔ ᠬᠤᠶᠠᠷ ᠲᠤ᠂ ᠳᠡᠬᠡᠳᠤ ᠱᠠᠳᠤᠨ ᠤ ᠲᠦᠷᠤ ᠶᠢᠨ | ᠪᠤᠳᠤᠯᠭ᠎ᠠ᠂ ᠪᠡᠯᠡ ᠮᠦᠩᠬᠦ ᠶᠢ ᠤᠯᠬᠤ ᠬᠦᠴᠤᠯᠡᠴᠠ ᠳᠤᠳᠠᠮᠠᠭ᠂ ᠡᠳ᠋ ᠤᠨ ᠵᠠᠰᠠᠭ ᠤᠨ ᠴᠢᠳᠠᠪᠬᠢ ᠶᠢ ᠪᠠᠳᠠᠷᠠᠭᠤᠯᠬᠤ᠂ ᠠᠵᠢᠯ ᠤᠨ ᠰᠤᠷᠳᠠᠯ ᠢ ᠠᠬᠢᠭᠤᠯᠬᠤ ᠳᠠᠯ᠎ᠠ | ᠪᠠᠷ ᠤᠯᠠᠮ ᠨᠢᠬᠡ ᠠᠯᠬᠤᠮ ᠴᠢᠩᠭᠠᠤᠨᠬᠠᠬᠤ ᠴᠢᠬᠤᠯᠠᠳᠠᠢ︔ ᠭᠤᠷᠪᠠ ᠳᠤ᠂ ᠬᠡᠰᠡᠭ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠯᠳᠠ ᠶᠢᠨ ᠪᠦᠳᠤᠮᠵᠢ ᠦᠨᠳᠤᠷ | ᠪᠤᠰᠤ᠂ ᠡᠳ᠋ ᠤᠨ ᠵᠠᠰᠠᠭ ᠤᠨ ᠪᠦᠳᠤᠮᠵᠢ ᠶᠢᠨ ᠦᠨᠡᠯᠡᠯᠳᠠ ᠪᠠ ᠪᠡᠯᠡ ᠤᠷᠤᠭᠤᠯᠤᠯᠳᠠ ᠶᠢᠨ ᠬᠢᠨᠠᠨ ᠳᠤᠭᠳᠠᠭᠠᠯᠳᠠ ᠶᠢᠨ ᠠᠵᠢᠯ ᠢ ᠢᠳᠡᠪᠬᠢᠳᠠᠢ ᠠᠬᠢᠭᠤᠯᠬᠤ | ᠴᠢᠬᠤᠯᠠᠳᠠᠢ᠃ | ᠬᠤᠶᠠᠷ᠂ 2016 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ︵ᠨᠢᠬᠡ︶ 2016 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠤᠨᠪᠤᠷᠢ ᠳᠤᠬᠢᠷᠠᠭᠤᠯᠭ᠎ᠠ ᠶᠢ ᠦᠨᠳᠤᠰᠤᠯᠡᠨ᠂ ᠰᠢᠨ᠎ᠠ ︽ᠲᠦᠰᠤᠪ ᠤᠨ ᠬᠠᠤᠯᠢ︾ ᠶᠢ ᠴᠢᠩᠭ᠎ᠠ | ᠬᠡᠷᠡᠭᠵᠢᠬᠦᠯᠵᠤ᠂ ︽ᠬᠦᠭᠵᠢᠯᠳᠠ ᠶᠢ ᠠᠬᠢᠭᠤᠯᠬᠤ᠂ ᠠᠷᠠᠤᠨ ᠤᠨ ᠠᠮᠢᠳᠤᠷᠠᠯ ᠢ ᠪᠠᠳᠤᠯᠠᠬᠤ᠂ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ᠂ | ᠬᠢᠨᠠᠯᠳᠠ ᠬᠠᠮᠢᠶᠠᠷᠤᠯᠳᠠ ᠪᠠᠨ ᠴᠢᠩᠭᠠᠤᠨᠬᠠᠬᠤ︾ ᠡᠳ᠋ ᠤᠨ ᠶᠠᠪᠤᠳᠠᠯ ᠢ ᠬᠠᠮᠢᠶᠠᠷᠬᠤ ᠦᠵᠡᠯᠳᠠ ᠶᠢ ᠪᠠᠳᠤ ᠪᠠᠷᠢᠮᠳᠠᠯᠠᠵᠤ᠂ ᠡᠳ᠋ ᠤᠨ ᠵᠠᠰᠠᠭ ᠤᠨ ᠴᠢᠳᠠᠪᠬᠢ ᠶᠢ | ᠬᠦᠢᠴᠡᠤᠨ ᠪᠠᠳᠠᠷᠠᠭᠤᠯᠤᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠬᠦᠯᠵᠤ᠂ ᠨᠠᠶᠢᠳᠠ ᠶᠢᠨ ᠡᠳ᠋ ᠤᠨ ᠵᠠᠰᠠᠭ ᠤᠨ | ᠬᠠᠮᠢᠶᠠᠷᠤᠯᠳᠠ ᠶᠢᠨ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠂ ᠲᠦᠰᠤᠪ ᠤᠨ ᠳᠤᠭᠳᠠᠭᠠᠯᠳᠠ ᠶᠢᠨ ᠰᠢᠰᠲ᠋ᠧᠮ ᠢ ᠳᠡᠬᠦᠯᠳᠡᠷᠵᠢᠬᠦᠯᠤᠨ᠎ᠠ᠃ ᠠᠷᠪᠢᠯᠠᠨ ᠭᠠᠮᠨᠠᠬᠤ | ᠬᠠᠮᠢᠶ᠎ᠠ ᠪᠦᠬᠦᠢ ᠲᠦᠷᠢᠮ ᠳᠤᠭᠳᠠᠭᠠᠯ ᠢ ᠴᠢᠩᠭ᠎ᠠ ᠬᠡᠷᠡᠭᠵᠢᠬᠦᠯᠵᠤ᠂ ᠲᠦᠰᠤᠪ ᠢ ᠴᠢᠩᠭ᠎ᠠ ᠪᠠᠷ ᠳᠤᠭᠳᠠᠭᠠᠵᠤ᠂ ᠲᠦᠰᠤᠪ ᠤᠨ ᠪᠦᠳᠤᠮᠵᠢ ᠶᠢᠨ ᠬᠠᠮᠢᠶᠠᠷᠤᠯᠳᠠ ᠶᠢ | ᠴᠢᠩᠭᠠᠤᠨᠬᠠᠨ᠂ ᠲᠦᠰᠤᠪ ᠤᠨ ᠬᠡᠷᠡᠭᠵᠢᠬᠦᠯᠤᠯᠳᠠ ᠶᠢ ᠠᠤᠨᠬᠤᠵᠤ᠂ ︽ᠳᠠᠪᠤ ᠶᠢ ᠴᠤᠭᠴᠠᠵᠢᠭᠤᠯᠬᠤ︾ ᠶᠡᠷᠤᠩᠬᠡᠢ ᠪᠠᠶᠢᠷᠢᠯᠠᠭᠤᠯᠤᠯᠳᠠ ᠪᠠ ︽ᠲᠦᠷᠪᠡᠨ ᠪᠦᠬᠦ | ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠳᠤ ᠢᠳᠡᠪᠬᠢᠳᠠᠢ ᠤᠶᠢᠯᠡᠴᠢᠯᠡᠵᠤ᠂ ᠮᠠᠨ ᠤ ᠬᠤᠰᠢᠭᠤᠨ ᠤ ︽ᠠᠷᠪᠠᠨ ᠭᠤᠷᠪᠠᠳᠤᠭᠠᠷ ᠳᠠᠪᠤᠨ ᠵᠢᠯ︾ | ᠤᠨ ᠭᠤᠴᠤ ᠡᠬᠢᠯᠡᠯ ᠳᠤ ᠢᠳᠡᠪᠬᠢᠳᠠᠢ ᠡᠳ᠋ ᠤᠨ ᠬᠦᠴᠤᠨ ᠤ ᠳᠡᠮᠵᠢᠯᠬᠡ ᠬᠠᠩᠭᠠᠨ᠎ᠠ᠃ | ︵ᠬᠤᠶᠠᠷ︶ ᠲᠦᠰᠤᠪ ᠳᠤᠭᠳᠠᠭᠠᠬᠤ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠳᠠᠢ | ᠨᠢᠬᠡ ᠳᠤ ᠢᠳᠡᠪᠬᠢᠳᠠᠢ ᠯᠠᠪᠳᠠᠭᠤᠨ ᠢᠶᠠᠷ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ ᠤᠷᠤᠯᠭ᠎ᠠ ᠶᠢᠨ ᠲᠦᠰᠤᠪ ᠢ ᠪᠦᠬᠦ ᠬᠤᠰᠢᠭᠤᠨ ᠤ ᠭᠠᠵᠠᠷ | ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠭᠤᠤᠯ ᠬᠦᠭᠵᠢᠯᠳᠠ ᠶᠢᠨ | ᠵᠢᠱᠢᠭᠰᠡᠨ ᠬᠠᠷᠠᠯᠳᠠ ᠲᠠᠢ ᠵᠤᠬᠢᠴᠠᠭᠤᠯᠵᠤ᠂ ᠤᠯᠤᠰ ᠤᠨ ᠭᠠᠶᠢᠯᠢ ᠶᠢᠨ ᠲᠦᠷᠢᠮ ᠤᠨ ᠦᠬᠡᠷᠡᠴᠢᠯᠠᠯᠳᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠢᠯ | ᠤᠶᠢᠯᠡᠰ᠂ ᠭᠠᠶᠢᠯᠢ ᠶᠢᠨ ᠲᠦᠷᠤᠯ ᠢ ᠦᠨᠳᠤᠰᠤᠯᠠᠨ ᠤᠷᠤᠯᠭ᠎ᠠ ᠪᠠ ᠡᠳ᠋ ᠤᠨ ᠬᠦᠴᠤᠨ ᠢ ᠪᠤᠳᠠᠳᠠᠢ ᠲᠦᠰᠤᠪᠯᠡᠨᠠ᠃ ᠵᠠᠷᠤᠯᠭ᠎ᠠ ᠶᠢᠨ ᠲᠦᠰᠤᠪ ᠪᠠ ᠤᠷᠤᠯᠭ᠎ᠠ | ᠶᠢᠨ ᠲᠦᠰᠤᠪ ᠢ ᠬᠠᠷᠢᠯᠴᠠᠨ ᠬᠠᠷᠠᠭᠠᠯᠵᠠᠭᠤᠯᠵᠤ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ | ᠬᠤᠶᠠᠷ ᠲᠤ ᠠᠷᠪᠢᠯᠠᠨ ᠭᠠᠮᠨᠠᠵᠣ᠂ ᠭᠤᠣᠯᠳᠠᠯᠭᠤ ᠶᠢ ᠲᠣᠪᠣᠶᠢᠯᠭᠠᠨ᠎ᠠ᠃ ︽ᠴᠡᠯᠢᠭ ᠢ ᠪᠠᠳᠣᠯᠠᠬᠤ᠂ ᠡᠷᠬᠢᠯᠳᠠ ᠶᠢ ᠪᠠᠳᠣᠯᠠᠬᠤ᠂ ᠦᠨᠳᠦᠰᠦᠨ ᠠᠷᠠᠳ ᠤᠨ | ᠠᠮᠢᠳᠣᠷᠠᠯ ᠢ ᠪᠠᠳᠣᠯᠠᠬᠤ᠂ ᠡᠩ ᠤᠨ ᠵᠠᠷᠣᠯᠭ᠎ᠠ ᠶᠢ ᠪᠠᠭᠠᠰᠬᠠᠬᠤ︾ ᠶᠢ ᠲᠣᠪᠣᠶᠢᠯᠭᠠᠨ᠎ᠠ᠃ ︽ᠭᠤᠷᠪᠠᠨ ᠠᠯᠪᠠᠨ︾ ᠵᠠᠷᠣᠳᠠᠯ᠂ ᠵᠠᠰᠠᠭ ᠵᠠᠬᠢᠷᠭᠠᠨ ᠤ ᠡᠷᠬᠢᠯᠳᠠ᠂ | ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ ᠰᠠᠭᠤᠷᠢ ᠪᠠᠶᠢᠭᠤᠯᠣᠯᠳᠠ ᠵᠡᠷᠭᠡ ᠶᠢᠨ ᠡᠩ ᠤᠨ ᠵᠠᠷᠣᠯᠭ᠎ᠠ ᠶᠢ ᠡᠷᠴᠢᠮᠳᠠᠢ ᠪᠠᠭᠠᠰᠬᠠᠵᠣ᠂ ᠬᠡᠯᠪᠡᠷᠢ ᠶᠢ | ᠬᠤᠪᠢᠷᠠᠭᠤᠯᠣᠨ ᠬᠦᠭᠵᠢᠬᠦᠯᠬᠦ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠨᠡᠶᠢᠳᠡᠮ ᠪᠡᠶᠡᠯᠡᠭᠦᠯᠬᠦ︾᠂ ᠶᠠᠳᠠᠭᠤ ᠶᠢ ᠲᠡᠳᠬᠦᠬᠦ ᠵᠡᠷᠭᠡ ᠬᠤᠰᠢᠭᠤ ᠨᠠᠮ ᠵᠠᠰᠠᠭ | ᠤᠨ ᠴᠢᠬᠤᠯᠠ ᠰᠢᠢᠳᠪᠦᠷᠢ ᠪᠠᠶᠢᠷᠢᠯᠠᠭᠤᠯᠤᠯᠳᠠ ᠶᠢ ᠭᠤᠣᠯᠳᠠᠯᠭᠠᠳᠠᠢ ᠠᠳᠬᠤᠨ᠎ᠠ᠃ | ᠭᠤᠷᠪᠠ ᠳᠤ ᠰᠠᠬᠢᠯᠭ᠎ᠠ ᠪᠠᠳᠣ ᠶᠢ ᠴᠢᠩᠳᠡᠯᠡᠵᠤ᠂ ᠦᠷ᠎ᠡ ᠠᠰᠢᠭ ᠢ ᠲᠡᠭᠡᠭᠰᠢᠯᠡᠭᠦᠯᠦᠨ᠎ᠠ᠃ ᠡᠳ᠋ ᠤᠨ ᠵᠠᠰᠠᠭ ᠠᠵᠣ ᠠᠬᠤᠢ ᠶᠢᠨ ᠰᠠᠬᠢᠯᠭ᠎ᠠ ᠶᠢ ᠣᠯᠠᠮ | ᠴᠢᠩᠳᠡᠯᠡᠵᠤ᠂ ᠡᠳ᠋ ᠤᠨ ᠵᠠᠰᠠᠭ ᠤᠨ ᠲᠦᠰᠦᠪ ᠪᠠ ᠭᠦᠢᠴᠡᠳᠬᠡᠯ᠂ ᠡᠯ᠎ᠡ ᠰᠠᠯᠠᠭ᠎ᠠ ᠮᠦᠴᠢᠷ ᠤᠨ ᠲᠦᠰᠦᠪ ᠪᠠ ᠭᠦᠢᠴᠡᠳᠬᠡᠯ᠂ ︽ᠭᠤᠷᠪᠠᠨ ᠠᠯᠪᠠᠨ︾ ᠵᠠᠷᠣᠳᠠᠯ | ᠤᠨ ᠲᠦᠰᠦᠪ ᠪᠠ ᠭᠦᠢᠴᠡᠳᠬᠡᠯ ᠢ ᠬᠠᠤᠯᠢ ᠲᠣᠭᠳᠠᠭᠠᠯ ᠶᠣᠰᠣᠭᠠᠷ ᠴᠠᠭ ᠲᠣᠬᠠᠢ ᠳᠤ ᠨᠢ ᠢᠯᠡᠰᠢᠭᠦᠯᠦᠨᠡ᠃ ᠡᠳ᠋ ᠤᠨ ᠵᠠᠰᠠᠭ ᠤᠨ ᠪᠡᠯᠡ ᠮᠦᠩᠭᠦ ᠶᠢᠨ | ᠨᠢᠭᠡᠳᠦᠯᠳᠡᠢ ᠲᠦᠯᠦᠪᠵᠢᠭᠦᠯᠦᠭᠰᠡᠨ ᠬᠡᠷᠡᠭᠯᠡᠯᠳᠠ ᠶᠢ ᠠᠬᠢᠭᠤᠯᠵᠣ᠂ ᠡᠳ᠋ ᠤᠨ ᠵᠠᠰᠠᠭ ᠤᠨ ᠬᠠᠳᠠᠭᠠᠯᠠᠯᠳᠠ ᠪᠡᠯᠡ ᠮᠦᠩᠭᠦ ᠶᠢ ᠠᠮᠢᠳᠣᠯᠢᠭᠵᠢᠭᠤᠯᠵᠣ᠂ ᠡᠳ᠋ ᠤᠨ ᠵᠠᠰᠠᠭ | ᠬᠠᠮᠢᠶᠠᠷᠣᠯᠳᠠ ᠶᠢᠨ ᠦᠷ᠎ᠡ ᠪᠦᠳᠦᠮᠵᠢ ᠶᠢᠨ ᠶᠡᠷᠦᠩᠬᠡᠶᠢᠯᠡᠭᠰᠡᠨ ᠦᠨᠡᠯᠡᠯᠳᠠ ᠶᠢ ᠬᠡᠷᠡᠭᠵᠢᠭᠦᠯᠵᠣ᠂ ᠪᠡᠯᠡ ᠮᠦᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠲᠠᠰᠣᠷᠠᠯᠳᠠ | ᠦᠭᠡᠢ ᠲᠡᠭᠡᠭᠰᠢᠯᠡᠬᠦᠯᠦᠨ᠎ᠡ᠃ | ︵ᠭᠤᠷᠪᠠ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ | 2016 ᠣᠨ ᠳᠤ ᠲᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠲᠦᠰᠤᠪ ᠢ 17.3 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠳᠡᠬᠡᠷ᠎ᠠ ᠵᠢᠯ ᠠᠴᠠ 8% ᠦᠰᠬᠡᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.94 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ | ᠪᠠᠭᠳᠠᠭᠠᠨ᠎ᠠ︶᠂ ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ ᠬᠤᠪᠢᠶᠠᠷᠢᠯᠠᠯ ᠤᠨ ᠤᠷᠤᠯᠭ᠎ᠠ ᠶᠢᠨ ᠲᠦᠷᠤᠯ ᠵᠦᠢᠯ ᠪᠤᠯ᠄ | ⑴ ᠭᠠᠶᠢᠯᠢ ᠶᠢᠨ ᠤᠷᠤᠯᠭ᠎ᠠ 12.3 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 54.39% ᠥᠰᠭᠡᠨ᠎ᠡ᠃ | ⑵ ᠭᠠᠶᠢᠯᠢ ᠶᠢᠨ ᠪᠤᠰᠤ ᠤᠷᠤᠯᠭ᠎ᠠ 5 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 37.77% ᠪᠠᠭᠤᠷᠠᠭᠤᠯᠣᠨ᠎ᠠ᠃ | 2. ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ᠰᠢᠨ᠎ᠡ ︽ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ | 2016 ᠤᠨ ᠤ ᠪᠦᠬᠦ ᠬᠤᠰᠢᠭᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠢ 28.36 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠳᠡᠬᠡᠷ᠎ᠠ ᠵᠢᠯ ᠠᠴᠠ 0.28% ᠦᠰᠬᠡᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.99 ᠳ᠋ᠦᠩᠰᠢᠭᠤᠷ ᠲᠦᠬᠦᠷᠢᠭ ᠤᠨ | ᠵᠠᠷᠤᠯᠭ᠎ᠠ ᠶᠢ ᠪᠠᠭᠳᠠᠭᠠᠨ᠎ᠠ︶᠃ | ⑴ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ 8.05 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 49.52% ᠥᠰᠭᠡᠨ᠎ᠡ︔ ᠠᠯᠪᠠᠨ ᠬᠡᠷᠡᠭᠯᠡᠬᠡᠨ ᠤ ᠪᠠ ᠠᠵᠢᠯ ᠥᠢᠯᠡᠰ ᠤᠨ ᠵᠠᠷᠤᠳᠠᠯ ᠤᠨ ᠵᠠᠷᠤᠯᠭ᠎ᠠ | ᠶᠢᠨ ᠲᠦᠰᠤᠪ ᠢ 3.59 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 20.47% ᠦᠰᠭᠡᠨ᠎ᠡ︔ ᠲᠦᠷᠤᠯ ᠵᠦᠢᠯ ᠤᠨ | ᠵᠠᠷᠤᠯᠭ᠎ᠠ ᠶᠢᠨ ᠲᠦᠰᠤᠪ ᠢ 16.96 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 9.01% ᠪᠠᠭᠤᠷᠠᠭᠤᠯᠤᠨ᠎ᠠ᠃ | ⑵ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 2.33 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 28.02% ᠥᠰᠭᠡᠨ᠎ᠡ᠃ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.97 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 8.99% ᠥᠰᠭᠡᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 3.36 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 42.98% ᠥᠰᠭᠡᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 700 ᠲᠥᠮᠡᠨ ᠲᠦᠬᠦᠷᠢᠭ᠂ ᠨᠢᠳᠥᠨᠥᠨ ᠤ ᠲᠥᠰᠥᠪ ᠠᠴᠠ 40% ᠦᠰᠬᠡᠨ᠎ᠠ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.73 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 10.61% ᠥᠰᠭᠡᠨ᠎ᠡ︔ | | 6︶ ᠨᠠᠶᠢᠬᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.75 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 12.9% | ᠥᠰᠭᠡᠨ᠎ᠡ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 1.15 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ | ᠠᠴᠠ40.24% ᠥᠰᠭᠡᠨ᠎ᠡ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 1.48 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 8.03% ᠦᠰᠬᠡᠨ᠎ᠠ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 1.24 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 34.78% ᠥᠰᠭᠡᠨ᠎ᠡ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 5.36 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ1.9% | ᠦᠰᠬᠡᠨ᠎ᠠ︔ | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.95 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ2.06% ᠪᠠᠭᠤᠷᠠᠭᠤᠯᠣᠨ᠎ᠠ︔ | 12︶ ᠡᠬᠢ ᠰᠤᠷᠪᠤᠯᠵᠢ ᠶᠢ ᠬᠠᠶᠢᠨ ᠪᠠᠶᠢᠴᠠᠭᠠᠬᠤ ᠰᠤᠷᠠᠭ ᠵᠠᠩᠬᠢ ᠵᠡᠷᠬᠡ ᠵᠠᠷᠤᠯᠭ᠎ᠠ 0.16 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 6. | 67% ᠦᠰᠬᠡᠨ᠎ᠠ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 800 ᠲᠥᠮᠡᠨ ᠲᠦᠬᠦᠷᠢᠭ᠂ ᠨᠢᠳᠥᠨᠥᠨ ᠤ ᠲᠥᠰᠥᠪ ᠠᠴᠠ 100% ᠥᠰᠭᠡᠨ᠎ᠡ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 600 ᠲᠥᠮᠨᠨ ᠲᠦᠬᠦᠷᠢᠭ᠂ ᠨᠢᠳᠥᠨᠥᠨ ᠤ ᠲᠥᠰᠥᠪ ᠠᠴᠠ20% ᠥᠰᠭᠡᠨ᠎ᠡ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 1.07 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 30.49% ᠦᠰᠬᠡᠨ᠎ᠠ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 40 ᠲᠥᠮᠡᠨ ᠲᠦᠬᠦᠷᠢᠭ᠂ ᠨᠢᠳᠤᠨᠤᠨ ᠤ ᠲᠦᠰᠣᠪ ᠠᠴᠠ 0.01% ᠥᠰᠭᠡᠨ᠎ᠡ︔ | 17︶ ᠪᠡᠯᠡᠤᠨᠬᠡᠯ ᠵᠠᠷᠤᠳᠠᠯ 0.3 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠬᠢ ᠲᠠᠢ ᠲᠠᠩᠴᠡᠭᠦᠷᠢᠰᠢᠭᠦᠯᠥᠨᠡ︔ | 18︶ ᠪᠤᠰᠤᠤᠨ ᠵᠠᠷᠤᠯᠭ᠎ᠠ 7.26 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 17.12 % ᠪᠠᠭᠤᠷᠠᠭᠤᠯᠣᠨ᠎ᠠ᠃ ᠱᠠᠩᠬᠠᠢ ᠶᠢᠨ | ᠰᠥᠮ᠎ᠡ ᠨᠡᠭᠡᠭᠡᠯᠳᠡ ᠶᠢᠨ ᠤᠷᠤᠨ ᠤ ᠵᠠᠷᠤᠯᠭ᠎ᠠ 0.99 ᠳ᠋ᠥᠩᠰᠢᠭᠤᠷ ᠲᠥᠭᠦᠷᠢᠭ︔ ᠮᠥᠩᠭᠦᠨ ᠭᠥᠢᠯᠭᠡᠭᠡᠨ ᠤ ᠵᠢᠭᠡᠯᠡᠯᠭᠡ ᠶᠢᠨ ᠡᠭᠡ ᠭᠥᠥ ᠶᠢᠨ ᠲᠥᠯᠥᠯᠳᠡ 1. | 52 ᠳ᠋ᠥᠩᠰᠢᠭᠤᠷ ᠲᠥᠭᠦᠷᠢᠭ︔ ︽ᠠᠷᠪᠠ ᠶᠢ ᠨᠡᠶᠢᠳᠡᠮ ᠪᠡᠶᠡᠯᠡᠭᠦᠯᠭᠦ︾ ᠠᠵᠢᠯ ᠤᠨ ᠪᠠᠶᠢᠭᠤᠯᠤᠯᠳᠠ ᠶᠢᠨ ᠵᠠᠷᠤᠳᠠᠯ 1 ᠳ᠋ᠥᠩᠰᠢᠭᠤᠷ ᠲᠥᠭᠦᠷᠢᠭ︔ ᠲᠡᠭᠡᠭᠰᠢ | ᠲᠤᠰᠢᠶᠠᠬᠤ ᠵᠠᠷᠤᠯᠭ᠎ᠠ 0.63 ᠳ᠋ᠥᠩᠰᠢᠭᠤᠷ ᠲᠥᠭᠦᠷᠢᠭ︔ ᠠᠷᠠᠳ ᠢ ᠬᠠᠷᠠᠭᠠᠯᠵᠠᠬᠤ ᠢᠨᠵᠧᠨᠧᠷᠢᠩ ᠲᠤ 0.36 ᠳ᠋ᠥᠩᠰᠢᠭᠤᠷ ᠲᠥᠭᠦᠷᠢᠭ︔ ᠰᠢᠨ᠎ᠡ ᠪᠠᠷ ᠡᠯᠰᠡᠭᠦ | ᠠᠵᠢᠯᠳᠠᠳ ᠤᠨ ᠴᠠᠯᠢᠩ᠂ ᠲᠤᠰᠢᠶᠠᠯ ᠲᠡᠰ ᠤᠨ ᠲᠤᠬᠢᠷᠠᠭᠤᠯᠭ᠎ᠠ᠂ ᠨᠠᠰᠤᠵᠢᠯ ᠤᠨ ᠲᠠᠭᠠᠳᠬᠠᠯ ᠤᠨ ᠥᠢᠯᠡᠰ᠂ ᠠᠯᠪᠠᠨ ᠲᠡᠷᠭᠡᠨ ᠤ ᠥᠭᠡᠷᠡᠴᠢᠯᠡᠯᠳᠡ ᠪᠠ ᠭᠡᠷ | ᠪᠠᠶᠢᠰᠢᠩ ᠤᠨ ᠥᠭᠡᠷᠡᠴᠢᠯᠡᠯᠳᠡ ᠶᠢᠨ ᠨᠥᠭᠦᠪᠥᠷᠢ 1.47 ᠳ᠋ᠥᠩᠰᠢᠭᠤᠷ ᠲᠥᠭᠦᠷᠢᠭ︔ ᠬᠤᠷᠠᠯ ᠤᠨ ᠵᠠᠷᠤᠯᠭ᠎ᠠ᠂ ᠪᠤᠯᠪᠠᠰᠤᠷᠠᠯ ᠤᠨ ᠵᠠᠷᠤᠯᠭ᠎ᠠ᠂ ᠵᠠᠮ ᠤᠨ ᠵᠠᠷᠤᠳᠠᠯ᠂ | ᠰᠡᠯᠪᠢᠯᠳᠡ ᠶᠢᠨ ᠵᠠᠷᠤᠳᠠᠯ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯ᠂ ᠨᠡᠶᠢᠳᠡ ᠶᠢᠨ ᠥᠢᠯᠡᠴᠢᠯᠡᠭᠡᠨ ᠤ ᠠᠵᠢᠯ ᠤᠨ ᠵᠠᠷᠤᠳᠠᠯ ᠵᠡᠷᠭᠡ 1.08 | ᠳ᠋ᠥᠩᠰᠢᠭᠤᠷ ᠲᠥᠭᠦᠷᠢᠭ︔ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠲᠥᠭᠦᠷ ᠵᠠᠷᠤᠳᠠᠯ 0.12 ᠳ᠋ᠥᠩᠰᠢᠭᠤᠷ ᠲᠥᠭᠦᠷᠢᠭ ᠢ ᠪᠠᠭᠳᠠᠭᠠᠨ᠎ᠠ᠃ | ⑶ ᠤᠯᠠᠨ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠥᠰᠥᠪ ᠤᠨ ᠲᠡᠩᠴᠡᠭᠦᠷᠢᠰᠢᠭᠦᠯᠥᠯᠳᠡ ᠶᠢᠨ ᠪᠠᠶᠢᠳᠠᠯ | 2016 ᠤᠨ ᠳᠤ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠥᠰᠥᠪ ᠢ 28.6 ᠳ᠋ᠥᠩᠰᠢᠭᠤᠷ ᠲᠥᠭᠦᠷᠢᠭ ᠢᠶᠠᠷ ᠰᠠᠨᠠᠭᠠᠴᠢᠯᠠᠵᠤ᠂ ᠨᠡᠶᠢᠳᠡ ᠶᠢᠨ | ᠡᠳ᠋ ᠤᠨ ᠵᠠᠰᠠᠭ ᠤᠨ ᠵᠠᠷᠤᠯᠭ᠎ᠠ ᠶᠢᠨ ᠲᠥᠰᠥᠪ ᠢ 28.36 ᠳ᠋ᠥᠩᠰᠢᠭᠤᠷ ᠲᠥᠭᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ 0.24 ᠳ᠋ᠥᠩᠰᠢᠭᠤᠷ ᠲᠥᠭᠦᠷᠢᠭ | ᠥᠯᠡᠳᠡᠪᠥᠷᠢ ᠲᠠᠢ ᠪᠤᠯᠭᠠᠨ᠎ᠠ᠃ | ︵ᠲᠦᠷᠪᠡ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ ᠢ ︽ᠤᠷᠤᠯᠭ᠎ᠠ ᠪᠠᠷ ᠵᠠᠷᠤᠯᠭ᠎ᠠ ᠶᠢ ᠳᠤᠭᠳᠠᠭᠠᠬᠤ᠂ ᠳᠤᠰᠬᠠᠢ ᠵᠤᠭᠤᠰ ᠢ ᠳᠤᠰᠬᠠᠢ | ᠬᠡᠷᠡᠭᠯᠡᠬᠦ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠬᠦ︾ ᠵᠠᠷᠴᠢᠮ ᠢ ᠦᠨᠳᠤᠰᠤᠯᠡᠨ ᠳᠤᠭᠳᠠᠭᠠᠨ᠎ᠠ᠃ | 1. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ | 2016 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 2.64 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ30.69% ᠦᠰᠭᠡᠨ᠎ᠡ᠃ ᠡᠬᠦᠨ ᠳᠤ᠂ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ | ᠮᠦᠩᠬᠦᠨ ᠤ ᠤᠷᠤᠯᠭ᠎ᠠ 2.32 ᠳ᠋ᠦᠩᠰᠢᠭᠤᠷ ᠲᠦᠬᠦᠷᠢᠭ᠂ 100% ᠦᠰᠬᠡᠨ᠎ᠠ︔ ᠲᠡᠭᠡᠷ᠎ᠡ ᠵᠢᠯ ᠤᠨ ᠦᠯᠡᠳᠡᠪᠤᠷᠢ ︵ᠲᠣᠰᠬᠠᠢ ᠲᠦᠷᠦᠯ︶ 0.32 | ᠳ᠋ᠦᠩᠰᠢᠭᠤᠷ ᠲᠦᠬᠦᠷᠢᠭ᠃ | 2. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ | 2016 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 2.59 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 28.22% ᠦᠰᠭᠡᠨ᠎ᠡ᠃ | 3. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤᠷᠤᠯᠭ᠎ᠠ ᠵᠠᠷᠤᠯᠭ᠎ᠠ ᠶᠢᠨ ᠲᠥᠰᠥᠪ ᠤᠨ ᠲᠡᠩᠴᠡᠭᠦᠷᠢᠰᠢᠭᠦᠯᠥᠯᠳᠡ ᠶᠢᠨ ᠪᠠᠶᠢᠳᠠᠯ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠤᠷᠤᠯᠭ᠎ᠠ ᠵᠠᠷᠤᠯᠭ᠎ᠠ ᠶᠢᠨ ᠲᠥᠰᠥᠪ ᠢ ᠲᠡᠩᠴᠡᠭᠦᠷᠢᠰᠢᠭᠦᠯᠵᠥ᠂ 0.05 ᠳ᠋ᠥᠩᠰᠢᠭᠤᠷ ᠲᠥᠭᠦᠷᠢᠭ | ᠥᠯᠡᠳᠡᠪᠥᠷᠢ ᠲᠠᠢ ᠪᠤᠯᠭᠠᠨ᠎ᠠ᠃ | ︵ᠲᠠᠪᠤ︶ ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ | ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ ᠬᠡᠳᠡᠭ ᠨᠢ ᠵᠠᠰᠠᠭ ᠤᠨ ᠤᠷᠳᠤᠨ ᠦᠮᠴᠢᠯᠡᠭᠴᠢ ᠶᠢᠨ ᠬᠤᠪᠢ ᠪᠠᠷ ᠤᠯᠤᠰ ᠤᠨ | ᠦᠮᠴᠢᠯᠠᠯᠳᠤ ᠬᠦᠷᠤᠩᠬᠡ ᠶᠢᠨ ᠠᠰᠢᠭ ᠤᠷᠤᠯᠭ᠎ᠠ ᠶᠢ ᠬᠠᠤᠯᠢ ᠶᠤᠰᠤᠭᠠᠷ ᠤᠯᠬᠤ ᠮᠦᠷᠳᠡᠬᠡᠨ ᠤᠯᠤᠭᠰᠡᠨ ᠢᠶᠠᠨ ᠬᠤᠪᠢᠶᠠᠷᠢᠯᠠᠬᠤ ᠳᠤ ᠡᠬᠦᠰᠦᠭᠰᠡᠨ ᠡᠯ᠎ᠡ ᠵᠦᠢᠯ ᠤᠨ | ᠤᠷᠤᠯᠭ᠎ᠠ ᠵᠠᠷᠤᠯᠭ᠎ᠠ ᠶᠢᠨ ᠲᠦᠰᠤᠪ ᠢ ᠵᠢᠭᠠᠵᠤ ᠪᠤᠢ᠃ ᠲᠦᠰᠤᠪ ᠤᠨ ᠤᠷᠤᠯᠭ᠎ᠠ ᠳᠤ ᠤᠯᠤᠰ ᠤᠨ ᠪᠡᠯᠡ ᠤᠷᠤᠭᠤᠯᠤᠭᠰᠡᠨ ᠠᠵᠤ ᠠᠬᠤᠶᠢᠯᠠᠯ ᠠᠴᠠ ᠬᠤᠪᠢᠳᠠᠵᠤ | ᠤᠯᠤᠭᠰᠡᠨ ᠠᠰᠢᠭ ᠤᠷᠤᠯᠭ᠎ᠠ᠂ ᠤᠯᠤᠰ ᠤᠨ ᠦᠮᠴᠢᠯᠠᠯᠳᠤ ᠬᠦᠷᠤᠩᠬᠡ ᠶᠢ ᠰᠢᠯᠵᠢᠬᠦᠯᠦᠭᠰᠡᠨ ᠤᠷᠤᠯᠭ᠎ᠠ᠂ ᠤᠯᠤᠰ ᠤᠨ ᠪᠡᠯᠡ ᠤᠷᠤᠭᠤᠯᠤᠭᠰᠡᠨ ᠠᠵᠤ ᠠᠬᠤᠶᠢᠯᠠᠯ | ᠠᠴᠠ ᠢᠯᠭᠠᠷᠠᠭᠤᠯᠤᠨ ᠪᠤᠳᠤᠭᠰᠡᠨ ᠤᠷᠤᠯᠭ᠎ᠠ ᠪᠠᠭᠳᠠᠨ᠎ᠠ᠃ ᠰᠢᠨ᠎ᠠ ︽ᠲᠦᠰᠣᠪ ᠤᠨ ᠬᠠᠤᠯᠢ︾ ᠶᠢᠨ ᠱᠠᠭᠠᠷᠳᠠᠯᠭ᠎ᠠ ᠶᠤᠰᠤᠭᠠᠷ ᠬᠤᠶᠢᠰᠢᠳᠠ ᠮᠠᠨ ᠤ ᠬᠤᠰᠢᠭᠤ | ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠳᠤᠰᠢᠶᠠᠭᠰᠡᠨ ᠠᠰᠢᠭ ᠬᠤᠨᠵᠢᠪᠤᠷᠢ᠂ ᠤᠯᠤᠰ ᠤᠨ ᠦᠮᠴᠢᠯᠠᠯᠳᠤ ᠬᠦᠷᠤᠩᠬᠡ ᠶᠢ ᠰᠢᠯᠵᠢᠬᠦᠯᠦᠭᠰᠡᠨ ᠤᠷᠤᠯᠭ᠎ᠠ᠂ | ᠪᠡᠯᠡ ᠭᠠᠷᠭᠠᠭᠰᠡᠨ ᠠᠵᠤ ᠠᠬᠤᠶᠢᠯᠠᠯ ᠠᠴᠠ ᠢᠯᠭᠠᠷᠠᠭᠤᠯᠤᠨ ᠪᠤᠳᠤᠭᠰᠡᠨ ᠤᠷᠤᠯᠭ᠎ᠠ ᠶᠢᠨ ᠪᠠᠶᠢᠳᠠᠯ ᠢ ᠦᠨᠳᠤᠰᠤᠯᠠᠨ ᠴᠠᠭ ᠳᠤᠬᠠᠢ ᠳᠤ ᠨᠢ ᠳᠤᠭᠳᠠᠭᠠᠨ᠎ᠠ᠃ | ︵ᠵᠢᠷᠭᠤᠭ᠎ᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠲᠦᠰᠤᠪ | 2016 ᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠵᠠᠷᠣᠯᠭ᠎ᠠ ᠶᠢᠨ ᠲᠦᠰᠤᠪ ᠢ 1.71 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 10.47% ᠪᠠᠭᠤᠷᠠᠭᠤᠯᠤᠨ᠎ᠠ᠃ ᠡᠬᠦᠨ ᠳᠤ᠂ ᠨᠠᠰᠤᠵᠢᠯ ᠤᠨ ᠳᠠᠭᠠᠤᠨᠬᠠᠯ 1.13 | ᠳ᠋ᠦᠩᠰᠢᠭᠤᠷ ᠲᠦᠬᠦᠷᠢᠭ᠂ 11.02% ᠪᠠᠭᠤᠷᠠᠭᠤᠯᠤᠨ᠎ᠠ︔ ᠠᠵᠢᠯ ᠠᠯᠳᠠᠭᠰᠠᠤᠨ ᠤᠨ ᠳᠠᠭᠠᠤᠨᠬᠠᠯ 700 ᠲᠥᠮᠡᠨ ᠲᠦᠬᠦᠷᠢᠭ᠂ 22.22% | ᠪᠠᠭᠤᠷᠠᠭᠤᠯᠤᠨ᠎ᠠ︔ ᠡᠮ ᠡᠮᠨᠡᠯᠬᠡ ᠶᠢᠨ ᠳᠠᠭᠠᠤᠨᠬᠠᠯ 0.45 ᠳ᠋ᠦᠩᠰᠢᠭᠤᠷ ᠲᠦᠬᠦᠷᠢᠭ᠂ 2.17% ᠪᠠᠭᠤᠷᠠᠭᠤᠯᠤᠨ᠎ᠠ︔ ᠠᠵᠢᠯ ᠤᠨ ᠬᠡᠮᠳᠤᠯ ᠤᠨ ᠳᠠᠭᠠᠤᠨᠬᠠᠯ | 300 ᠲᠥᠮᠡᠨ ᠲᠦᠬᠦᠷᠢᠭ᠂ 50% ᠪᠠᠭᠤᠷᠠᠭᠤᠯᠤᠨ᠎ᠠ︔ ᠬᠦᠩᠬᠡᠵᠢᠯ ᠤᠨ ᠳᠠᠭᠠᠤᠨᠬᠠᠯ 300 ᠲᠥᠮᠡᠨ ᠲᠦᠬᠦᠷᠢᠭ᠂ ᠲᠡᠭᠡᠷ᠎ᠡ ᠵᠢᠯ ᠲᠠᠢ ᠠᠳᠠᠯᠢ ᠪᠠᠶᠢᠯᠭᠠᠨ᠎ᠠ᠃ | ᠭᠤᠷᠪᠠ᠂ 2016 ᠣᠨ ᠤ ᠡᠳ᠋ ᠤᠨ ᠵᠠᠰᠠᠭ ᠤᠨ ᠠᠵᠢᠯ ᠤᠨ ᠭᠤᠣᠯ ᠡᠬᠦᠷᠭᠡ | 2016 ᠣᠨ ᠪᠣᠯ ︽ᠠᠷᠪᠠᠨ ᠭᠤᠷᠪᠠᠳᠦᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠳᠠ ᠶᠢᠨ ᠵᠢᠯ ᠪᠣᠯᠣᠨ᠎ᠠ᠂ ᠡᠳ᠋ ᠤᠨ ᠵᠠᠰᠠᠭ ᠤᠨ ᠠᠵᠣ | ᠠᠬᠤᠢ ᠶᠢᠨ ᠪᠠᠶᠢᠳᠠᠯ ᠮᠦᠨ ᠯᠡ ᠪᠣᠳᠣᠯᠢᠶᠠᠨᠳᠠᠢ ᠪᠠᠶᠢᠨ᠎ᠠ᠃ ᠰᠢᠨ᠎ᠡ ᠪᠠᠶᠢᠳᠠᠯ᠂ ᠰᠢᠨ᠎ᠠ ᠱᠠᠭᠠᠷᠳᠠᠯᠭ᠎ᠠ ᠳᠤ ᠬᠠᠨᠳᠣᠭᠤᠯᠪᠠᠯ᠂ ᠪᠦᠬᠦ ᠬᠤᠰᠢᠭᠤᠨ ᠤ ᠡᠳ᠋ ᠤᠨ ᠵᠠᠰᠠᠭ | ᠤᠨ ᠠᠵᠢᠯ ᠤᠨ ᠭᠤᠤᠯ ᠰᠡᠳᠬᠢᠮᠵᠢ ᠪᠣᠯ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠣᠳᠦᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠰᠢᠨ᠎ᠠ | ︽ᠲᠦᠰᠦᠪ ᠤᠨ ᠬᠠᠣᠯᠢ︾ ᠶᠢᠨ ᠱᠠᠭᠠᠷᠳᠠᠯᠭ᠎ᠠ ᠶᠢ ᠭᠦᠨᠵᠡᠭᠡᠢ ᠲᠣᠣᠱᠯᠠᠭᠤᠯᠵᠣ᠂ ᠯᠠᠪᠳᠠᠭᠤᠨ ᠢᠶᠠᠷ ᠣᠷᠣᠭᠰᠢᠯᠠᠬᠤ ᠶᠢ ᠪᠠᠷᠢᠮᠳᠠᠯᠠᠨ᠂ ᠠᠵᠣ ᠠᠬᠤᠢ ᠶᠢᠨ | ᠬᠦᠭᠵᠢᠯᠳᠠ ᠶᠢᠨ ᠰᠢᠨ᠎ᠠ ᠬᠡᠪ ᠪᠠᠶᠢᠳᠠᠯ ᠲᠤ ᠰᠠᠨᠠᠭᠠᠴᠢᠯᠭ᠎ᠠ ᠲᠠᠢ ᠵᠣᠬᠢᠴᠠᠨ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠡᠪᠦᠷᠢᠵᠢᠭᠤᠯᠵᠣ᠂ | ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢᠨ ᠲᠣᠭᠳᠠᠭᠤᠨ ᠨᠡᠮᠡᠭᠳᠡᠯ᠂ ᠪᠦᠳᠦᠴᠠ ᠶᠢᠨ ᠲᠣᠬᠢᠷᠠᠭᠤᠯᠣᠯᠳᠠ᠂ ᠦᠭᠡᠷᠡᠴᠢᠯᠡᠯᠳᠠ ᠶᠢ ᠠᠬᠢᠭᠤᠯᠬᠤ | ᠣᠶᠢᠯᠠᠳᠣᠯ ᠢ ᠬᠦᠢᠴᠡᠳ ᠪᠠᠳᠠᠷᠠᠭᠤᠯᠵᠣ᠂ ᠲᠡᠭᠡᠳᠦ ᠲᠣᠣᠷᠠᠳᠦ ᠱᠠᠳᠣ ᠬᠠᠮᠳᠦ ᠬᠦᠳᠡᠯᠤᠯᠴᠠᠨ ᠣᠯᠠᠨ ᠠᠷᠭ᠎ᠠ ᠠᠪᠴᠠᠯ ᠢᠶᠠᠷ ᠪᠦᠬᠦ ᠵᠢᠯ ᠤᠨ ᠲᠦᠰᠦᠪ ᠤᠨ ᠡᠭᠦᠷᠬᠡ | ᠪᠠᠨ ᠠᠮᠵᠢᠯᠳᠠ ᠲᠠᠢ ᠪᠡᠶᠡᠯᠡᠭᠦᠯᠬᠦ ᠶᠢ ᠪᠠᠳᠣᠯᠠᠨ᠎ᠠ᠃ | ︵ᠨᠢᠭᠡ︶ ᠡᠳ᠋ ᠤᠨ ᠵᠠᠰᠠᠭ ᠤᠨ ᠣᠷᠣᠯᠭ᠎ᠠ ᠶᠢᠨ ᠴᠢᠨᠠᠷᠵᠢᠯ ᠢ ᠴᠢᠬᠤᠯᠠᠴᠢᠯᠠᠨ᠂ ᠣᠷᠣᠨ ᠨᠣᠳᠤᠭ ᠤᠨ ᠡᠳ᠋ ᠤᠨ ᠵᠠᠰᠠᠭ ᠤᠨ ᠪᠣᠳᠠᠳᠦ ᠬᠦᠴᠦᠨ ᠢ | ᠴᠢᠩᠭᠠᠳᠬᠠᠨ᠎ᠠ᠃ ᠣᠷᠣᠯᠭ᠎ᠠ ᠶᠢᠨ ᠬᠠᠮᠢᠶᠠᠷᠣᠯᠳᠠ ᠶᠢ ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠡᠷᠢᠬᠦᠨ ᠴᠢᠬᠤᠯᠠ ᠶᠠᠪᠣᠳᠠᠯ ᠪᠣᠯᠭᠠᠵᠣ᠂ ᠲᠠᠳᠠᠪᠤᠷᠢᠯᠠᠯᠳᠠ | ᠬᠠᠮᠢᠶᠠᠷᠤᠯᠳᠠ ᠶᠢ ᠴᠢᠩᠭᠠᠳᠬᠠᠵᠣ᠂ ᠤᠷᠤᠯᠭ᠎ᠠ ᠶᠢᠨ ᠨᠡᠮᠡᠭᠳᠡᠯ ᠤᠨ ᠵᠠᠮ ᠮᠦᠷ ᠢ ᠦᠷᠭᠡᠳᠬᠡᠵᠣ᠂ ᠠᠷᠭ᠎ᠠ ᠪᠦᠬᠦᠨ ᠢ ᠰᠦᠪᠡᠭᠴᠢᠯᠡᠨ ᠡᠳ᠋ ᠤᠨ ᠵᠠᠰᠠᠭ ᠤᠨ | ᠣᠷᠣᠯᠭ᠎ᠠ ᠶᠢᠨ ᠨᠡᠮᠡᠭᠳᠡᠯ ᠢ ᠪᠠᠳᠣᠯᠠᠨ᠎ᠠ᠃ ᠣᠷᠣᠯᠭ᠎ᠠ ᠶᠢᠨ ᠲᠠᠳᠠᠪᠦᠷᠢᠯᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠳᠠᠯ ᠤᠨ | ᠵᠠᠳᠠᠯᠣᠯᠳᠠ ᠶᠢ ᠴᠢᠩᠭᠠᠳᠬᠠᠵᠣ᠂ ᠭᠤᠣᠯᠳᠠᠯᠭᠠᠳᠦ ᠲᠦᠷᠦᠯ ᠵᠣᠶᠢᠯ ᠪᠣᠯᠣᠨ ᠭᠠᠶᠢᠯᠢ ᠶᠢᠨ ᠡᠬᠢ ᠶᠢᠨ ᠬᠢᠨᠠᠨ ᠡᠵᠡᠮᠰᠢᠯ᠂ ᠲᠠᠷᠬᠠᠢ ᠪᠣᠳᠠᠷᠬᠠᠢ ᠭᠠᠶᠢᠯᠢ ᠶᠢᠨ ᠡᠬᠢ | ᠪᠣᠯᠣᠨ ᠲᠣᠮᠳᠠ ᠪᠠᠭ᠎ᠠ ᠭᠠᠶᠢᠯᠢ ᠶᠢᠨ ᠲᠦᠷᠦᠯ ᠤᠨ ᠲᠠᠳᠠᠪᠦᠷᠢᠯᠠᠯᠳᠠ ᠬᠠᠮᠢᠶᠠᠷᠣᠯᠳᠠ ᠶᠢ ᠲᠣᠪᠣᠶᠢᠯᠭᠠᠨ ᠠᠳᠬᠤᠵᠣ᠂ ᠭᠠᠶᠢᠯᠢ ᠶᠢᠨ ᠪᠣᠰᠣ ᠣᠷᠣᠯᠭ᠎ᠠ ᠶᠢᠨ | ᠲᠠᠳᠠᠪᠦᠷᠢᠯᠠᠯᠳᠠ ᠬᠠᠮᠢᠶᠠᠷᠣᠯᠳᠠ ᠶᠢ ᠴᠢᠩᠭᠠᠳᠬᠠᠵᠣ᠂ ᠬᠠᠣᠯᠢ ᠶᠣᠰᠣᠭᠠᠷ ᠭᠠᠶᠢᠯᠢ ᠲᠠᠳᠠᠪᠦᠷᠢᠯᠠᠬᠤ᠂ ᠡᠷᠭᠡ ᠲᠡᠭᠰᠢ ᠪᠠᠷ ᠭᠠᠶᠢᠯᠢ ᠲᠠᠳᠠᠪᠦᠷᠢᠯᠠᠬᠤ᠂ ᠲᠠᠳᠠᠪᠦᠷᠢᠯᠠᠪᠠᠰᠦ | ᠵᠣᠬᠢᠬᠤ ᠴᠦᠮ ᠲᠠᠳᠠᠪᠦᠷᠢᠯᠠᠬᠤ ᠶᠢ ᠠᠬᠢᠭᠤᠯᠣᠨ᠎ᠠ᠃ ᠣᠷᠣᠯᠭ᠎ᠠ ᠶᠢᠨ ᠨᠡᠮᠡᠭᠳᠡᠯ ᠤᠨ ᠵᠠᠮ ᠮᠦᠷ ᠢ ᠦᠷᠬᠡᠳᠬᠡᠨ᠎ᠠ᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ᠂ | ᠲᠦᠷᠥᠯ ᠵᠣᠶᠢᠯ᠂ ᠪᠡᠯᠡ ᠮᠦᠩᠭᠦ ᠣᠯᠬᠤ ᠠᠵᠢᠯ ᠢ ᠢᠳᠡᠪᠬᠢᠳᠡᠢ ᠬᠢᠵᠣ᠂ ᠵᠠᠰᠠᠭ ᠤᠨ ᠣᠷᠳᠣᠨ ᠤ ᠴᠢᠨᠠᠷᠳᠠᠢ ᠡᠯ᠎ᠡ ᠵᠣᠶᠢᠯ ᠤᠨ ᠬᠦᠷᠦᠩᠭᠡ ᠶᠢᠨ ᠰᠣᠷᠪᠣᠯᠵᠢ ᠶᠢ | ᠠᠮᠢᠳᠣᠯᠢᠭᠵᠢᠭᠤᠯᠵᠣ᠂ ᠵᠠᠰᠠᠭ ᠤᠨ ᠣᠷᠳᠣᠨ ᠤ ᠴᠢᠨᠠᠷᠳᠠᠢ ᠦᠷᠢ ᠦᠭᠴᠡᠭᠡ ᠶᠢ ᠪᠦᠬᠦ ᠲᠠᠯ᠎ᠠ ᠪᠠᠷ ᠰᠢᠢᠳᠪᠦᠷᠢᠯᠠᠵᠣ᠂ ᠣᠯᠠᠨ ᠵᠠᠮ ᠮᠦᠷ᠂ ᠬᠦᠨ ᠲᠠᠪᠬᠤᠷᠭ᠎ᠠ ᠪᠠᠷ | ᠵᠠᠰᠠᠭ ᠤᠨ ᠣᠷᠳᠣᠨ ᠤ ᠡᠳ᠋ ᠤᠨ ᠬᠦᠴᠦᠨ ᠢ ᠨᠡᠮᠡᠭᠳᠡᠬᠦᠯᠵᠣ᠂ ᠣᠷᠣᠯᠭ᠎ᠠ ᠶᠢᠨ ᠬᠡᠪᠴᠢᠶᠡᠵᠢᠯ᠂ ᠨᠡᠮᠡᠭᠳᠡᠯ ᠤᠨ ᠬᠤᠷᠳᠣᠴᠠ᠂ ᠬᠡᠷᠡᠭᠯᠡᠵᠣ ᠪᠣᠯᠬᠤ ᠡᠳ᠋ ᠤᠨ | ᠬᠦᠴᠦᠨ ᠤ ᠵᠣᠬᠢᠴᠠᠩᠭᠤᠢ ᠬᠦᠭᠵᠢᠯᠳᠠ ᠶᠢᠨ ᠠᠬᠢᠭᠤᠯᠣᠨ᠎ᠠ᠃ | ︵ᠬᠤᠶᠠᠷ︶ ᠣᠷᠣᠭᠤᠯᠣᠯᠳᠠ ᠪᠠᠨ ᠨᠡᠮᠡᠭᠳᠡᠭᠦᠯᠵᠣ᠂ ᠡᠩ ᠲᠡᠷᠢᠬᠦᠨ ᠳᠤ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠣᠨ᠎ᠠ᠃ ︽ᠦᠨᠳᠦᠰᠦ ᠶᠢ | ᠪᠠᠳᠣᠯᠠᠬᠤ᠂ ᠨᠠᠭᠠᠳᠦ ᠵᠠᠬ᠎ᠠ ᠶᠢ ᠪᠠᠳᠣᠯᠠᠬᠤ᠂ ᠡᠷᠬᠡ ᠲᠡᠭᠰᠢ ᠠᠬᠢᠭᠤᠯᠬᠤ︾ ᠶᠢ ᠴᠢᠬᠤᠯᠠᠴᠢᠯᠠᠵᠣ᠂ ᠠᠷᠠᠳ ᠤᠨ ᠠᠮᠢᠳᠣᠷᠠᠯ ᠤᠨ ᠪᠠᠳᠣᠯᠠᠨ ᠰᠠᠶᠢᠵᠢᠷᠠᠭᠤᠯᠬᠤ ᠪᠡᠯᠡ | ᠮᠦᠩᠭᠦ ᠶᠢ ᠴᠦᠮ ᠲᠦᠰᠦᠪ ᠲᠤ ᠣᠷᠣᠭᠤᠯᠣᠨ᠎ᠠ᠃ ᠮᠠᠯ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ᠂ ᠰᠣᠷᠭᠠᠨ ᠬᠦᠮᠦᠵᠢᠯ᠂ | ᠰᠢᠨᠵᠢᠯᠡᠭᠡ ᠮᠡᠷᠭᠡᠵᠢᠯ᠂ ᠰᠣᠶᠣᠯ᠂ ᠡᠮ ᠡᠮᠨᠡᠯᠭᠡ ᠡᠷᠡᠬᠦᠯ ᠬᠠᠮᠠᠭᠠᠯᠠᠯ᠂ ᠨᠡᠶᠢᠭᠡᠮ ᠤᠨ ᠲᠣᠰᠠᠯᠠᠮᠵᠢ ᠵᠡᠷᠭᠡ ᠠᠷᠠᠳ ᠤᠨ ᠪᠡᠯᠡ ᠮᠦᠩᠭᠦᠨ ᠤ ᠤᠷᠤᠭᠤᠯᠤᠯᠳᠠ ᠪᠠᠨ | ᠨᠡᠮᠡᠭᠳᠡᠬᠦᠯᠵᠣ ᠪᠦᠳᠦᠮᠵᠢᠳᠠᠢ ᠠᠷᠭ᠎ᠠ ᠠᠪᠴᠠᠯ ᠢᠶᠠᠷ ᠨᠡᠶᠢᠭᠡᠮ ᠤᠨ ᠪᠠᠳᠣᠯᠠᠭ᠎ᠠ ᠶᠢᠨ ᠰᠢᠰᠧᠲᠮ ᠢ ᠲᠡᠭᠦᠯᠳᠡᠷᠵᠢᠭᠦᠯᠵᠣ᠂ ᠨᠡᠶᠢᠭᠡᠮ ᠤᠨ ᠪᠠᠳᠣᠯᠠᠭ᠎ᠠ ᠶᠢᠨ ᠡᠯ᠎ᠡ | ᠲᠦᠷᠦᠯ ᠤᠨ ᠲᠦᠷᠢᠮ ᠢ ᠴᠢᠩᠭ᠎ᠠ ᠬᠡᠷᠡᠭᠵᠢᠭᠦᠯᠵᠣ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠳᠠ ᠪᠣᠯᠣᠨ ᠡᠮ ᠡᠮᠨᠡᠯᠭᠡ ᠶᠢᠨ ᠲᠠᠭᠠᠳᠬᠠᠯ | ᠤᠨ ᠲᠦᠷᠢᠮ ᠤᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠣ᠂ ᠨᠡᠶᠢᠭᠡᠮ ᠤᠨ ᠲᠣᠰᠠᠯᠠᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠲᠣᠣᠷ᠎ᠠ ᠪᠠᠳᠣᠯᠠᠭ᠎ᠠ᠂ ᠨᠠᠰᠣᠵᠢᠯ | ᠂ ᠡᠮ ᠡᠮᠨᠡᠯᠭᠡ ᠵᠡᠷᠭᠡ ᠶᠢᠨ ᠪᠠᠳᠣᠯᠠᠭ᠎ᠠ ᠶᠢᠨ ᠪᠠᠷᠢᠮᠵᠢᠶ᠎ᠠ ᠶᠢ ᠠᠵᠣ ᠠᠬᠤᠢ ᠶᠢᠨ ᠬᠦᠭᠵᠢᠯᠳᠠ ᠲᠠᠢ ᠵᠣᠬᠢᠴᠠᠭᠤᠯᠣᠨ ᠠᠬᠢᠭᠤᠯᠵᠣ᠂ ᠨᠡᠶᠢᠭᠡᠮ ᠤᠨ ᠪᠠᠳᠣᠯᠠᠭ᠎ᠠ ᠶᠢᠨ | ᠦᠷᠬᠦᠯᠵᠢᠬᠦᠶᠢᠴᠡ ᠴᠢᠨᠠᠷ ᠢ ᠪᠠᠳᠣᠯᠠᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ᠂ ᠲᠣᠣᠷ᠎ᠠ ᠪᠠᠳᠣᠯᠠᠭ᠎ᠠ᠂ ᠲᠣᠯᠠᠭᠠᠯᠭ᠎ᠠ | ᠶᠢᠨ ᠨᠦᠬᠦᠪᠦᠷᠢ ᠵᠡᠷᠬᠡ ᠪᠠᠳᠣᠯᠠᠭ᠎ᠠ ᠶᠢᠨ ᠴᠢᠨᠡᠷᠳᠠᠢ ᠪᠡᠯᠡ ᠮᠦᠩᠭᠦ ᠪᠣᠯᠣᠨ ᠮᠠᠯᠴᠢᠨ ᠲᠠᠷᠢᠶᠠᠴᠢᠳ ᠤᠨ ᠰᠢᠭᠤᠳ ᠨᠦᠬᠦᠪᠦᠷᠢ ᠵᠢᠴᠢ ᠮᠠᠯ ᠲᠠᠷᠢᠶᠠᠯᠠᠩ ᠢ ᠲᠣᠰᠠᠯᠠᠬᠤ | ᠡᠯ᠎ᠡ ᠲᠦᠷᠦᠯ ᠤᠨ ᠨᠦᠬᠦᠪᠦᠷᠢ ᠣᠯᠭᠤᠬᠤ ᠠᠵᠢᠯ ᠢ ᠴᠢᠩᠭᠠᠳᠬᠠᠵᠣ᠂ ᠮᠠᠯ ᠲᠠᠷᠢᠶᠠᠯᠠᠩ ᠢ ᠲᠣᠰᠠᠯᠠᠬᠤ ᠨᠦᠬᠦᠪᠦᠷᠢ ᠪᠡᠯᠡ ᠮᠦᠩᠭᠦ ᠶᠢᠨ ︽ᠨᠢᠭᠡ ᠺᠠᠷᠲ ᠪᠠᠷ | ᠣᠯᠭᠤᠬᠤ︾ ᠲᠦᠷᠢᠮ ᠤᠨ ᠦᠭᠡᠷᠡᠴᠢᠯᠡᠯᠳᠠ ᠶᠢ ᠲᠡᠬᠦᠯᠳᠡᠷᠵᠢᠭᠦᠯᠦᠨᠡ᠃ ᠮᠠᠯ ᠲᠠᠷᠢᠶᠠᠯᠠᠩ ᠢ ᠲᠣᠰᠠᠯᠠᠬᠤ ᠲᠦᠷᠦ ᠶᠢᠨ ᠪᠣᠳᠣᠯᠭ᠎ᠠ ᠶᠢᠨ ᠪᠠᠳᠣᠯᠠᠭ᠎ᠠ ᠶᠢ | ᠪᠣᠳᠠᠳᠠᠶᠢᠴᠢᠯᠠᠵᠣ᠂ ᠣᠳᠣ ᠦᠶ᠎ᠡ ᠶᠢᠨ ᠮᠠᠯ ᠲᠠᠷᠢᠶᠠᠯᠠᠩ ᠤᠨ ᠬᠦᠭᠵᠢᠯᠳᠠ ᠶᠢ ᠲᠡᠮᠵᠢᠨ᠂ ︽ᠠᠷᠪᠠ ᠶᠢ ᠨᠡᠶᠢᠳᠡᠮ ᠪᠡᠶᠡᠯᠡᠬᠦᠯᠬᠦ︾ ᠢᠨᠵᠧᠨᠧᠷᠢᠩ ᠤᠨ | ᠣᠷᠣᠭᠤᠯᠣᠯᠳᠠ ᠶᠢ ᠨᠡᠮᠡᠭᠳᠡᠬᠦᠯᠵᠣ᠂ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ︽ᠦᠭᠭᠢᠶᠡᠮᠦᠷ ᠨᠠᠶᠢᠷᠠᠮᠳᠠᠭᠤ ᠲᠠᠯ᠎ᠠ ᠨᠣᠳᠤᠭ᠂ | ᠦᠵᠡᠰᠭᠦᠯᠡᠩᠳᠦ ᠰᠠᠶᠢᠬᠠᠨ ᠡᠮᠦᠨᠡᠳᠦ ᠣᠳᠤᠭ︾ ᠤᠨ ᠪᠠᠶᠢᠭᠤᠯᠣᠯᠳᠠ ᠶᠢ ᠭᠦᠨᠵᠡᠭᠡᠢ ᠠᠬᠢᠭᠤᠯᠵᠣ᠂ ᠪᠦᠬᠦ ᠬᠤᠰᠢᠭᠤᠨ ᠤ ᠨᠡᠶᠢᠳᠡ ᠶᠢᠨ ᠣᠶᠢᠯᠠᠴᠢᠯᠡᠭᠡᠨ ᠤ | ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠠ᠃ | ︵ᠭᠤᠷᠪᠠ︶ ᠵᠠᠷᠣᠯᠭ᠎ᠠ ᠶᠢᠨ ᠪᠦᠳᠦᠴᠠ ᠶᠢ ᠰᠢᠯᠢᠳᠡᠭᠵᠢᠭᠦᠯᠵᠣ᠂ ᠡᠳ᠋ ᠤᠨ ᠵᠠᠰᠠᠭ ᠤᠨ ᠪᠠᠳᠣᠯᠠᠭ᠎ᠠ ᠶᠢᠨ ᠴᠢᠳᠡᠪᠦᠷᠢ ᠶᠢ ᠲᠠᠰᠣᠷᠠᠯᠳᠠ ᠦᠭᠡᠢ | ᠲᠡᠭᠡᠭᠰᠢᠯᠡᠭᠦᠯᠦᠨ᠎ᠠ᠃ ︽ᠲᠦᠷᠪᠠ ᠶᠢ ᠪᠠᠳᠣᠯᠠᠵᠣ ᠬᠤᠶᠠᠷ ᠢ ᠪᠠᠭᠠᠰᠬᠠᠬᠤ︾ ᠵᠠᠷᠴᠢᠮ ᠢ ᠪᠠᠷᠢᠮᠳᠠᠯᠠᠵᠣ᠂ ᠡᠷᠬᠢᠯᠳᠠ᠂ ᠠᠷᠠᠳ ᠤᠨ ᠠᠮᠢᠳᠣᠷᠠᠯ᠂ ᠦᠷᠢ ᠦᠭᠴᠡᠭᠡ | ᠶᠢᠨ ᠰᠢᠢᠳᠪᠦᠷᠢᠯᠡᠯᠳᠠ᠂ ᠭᠤᠣᠯᠳᠠᠯᠭᠠᠳᠦ ᠦᠷᠭᠦᠯᠵᠢᠯᠡᠨ ᠪᠠᠶᠢᠭᠤᠯᠬᠤ ᠲᠦᠷᠦᠯ. ᠵᠣᠶᠢᠯ ᠢ ᠭᠤᠣᠯᠳᠠᠯᠭ᠎ᠠ ᠲᠠᠢ ᠪᠠᠳᠣᠯᠠᠨ᠎ᠠ᠃ ᠨᠢᠭᠡ ᠳᠤ ᠪᠠᠶᠢᠭᠤᠯᠣᠮᠵᠢ ᠶᠢᠨ | ᠡᠷᠬᠢᠯᠳᠠ ᠶᠢ ᠪᠠᠳᠣᠯᠠᠨ᠎ᠠ᠃ ᠡᠳ᠋ ᠤᠨ ᠵᠠᠰᠠᠭ ᠤᠨ ᠵᠠᠷᠣᠯᠭ᠎ᠠ ᠶᠢᠨ ᠪᠦᠳᠦᠴᠠ ᠶᠢ ᠲᠠᠰᠣᠷᠠᠯᠳᠠ ᠦᠭᠡᠢ ᠰᠢᠯᠢᠳᠡᠭᠵᠢᠭᠦᠯᠦᠨ᠂ ᠠᠯᠪᠠᠨ ᠪᠠᠶᠢᠭᠤᠯᠭ᠎ᠠ ᠠᠵᠢᠯ ᠣᠶᠢᠯᠠᠰ | ᠤᠨ ᠨᠢᠭᠡᠴᠡ ᠶᠢᠨ ᠠᠵᠢᠯᠳᠠᠨ ᠤ ᠴᠡᠯᠢᠭ ᠪᠣᠯᠣᠨ ᠪᠠᠶᠢᠭᠤᠯᠣᠮᠵᠢ ᠶᠢᠨ ᠡᠷᠬᠢᠯᠳᠠ ᠶᠢ ᠭᠤᠣᠯᠳᠠᠯᠭ᠎ᠠ ᠲᠠᠢ ᠪᠠᠳᠣᠯᠠᠨ᠎ᠠ᠃ ᠬᠤᠶᠠᠷ ᠲᠤ ᠵᠠᠰᠠᠭ ᠤᠨ ᠣᠷᠳᠣᠨ ᠤ ᠦᠷᠢ | ᠦᠭᠴᠡᠭᠡ ᠶᠢᠨ ᠬᠠᠮᠢᠶᠠᠷᠣᠯᠳᠠ᠂ ᠰᠢᠢᠳᠪᠦᠷᠢᠯᠡᠯᠳᠠ ᠶᠢ ᠴᠢᠩᠭ᠎ᠠ ᠠᠳᠬᠤᠨ᠎ᠠ᠃ ᠵᠠᠰᠠᠭ ᠤᠨ ᠣᠷᠳᠣᠨ ᠤ ᠦᠷᠢ ᠦᠭᠴᠡᠭᠡ ᠶᠢᠨ ᠬᠠᠮᠢᠶᠠᠷᠣᠯᠳᠠ ᠶᠢᠨ ᠠᠷᠭ᠎ᠠ ᠶᠢ | ᠲᠡᠭᠦᠯᠳᠡᠷᠵᠢᠭᠦᠯᠵᠣ᠂ ᠵᠠᠰᠠᠭ ᠤᠨ ᠣᠷᠳᠣᠨ ᠤ ᠦᠷᠢ ᠦᠭᠴᠡᠭᠡᠨ ᠤ ᠲᠥᠭᠰᠢᠭᠦᠷᠢ ᠶᠢ ᠴᠢᠩᠭ᠎ᠠ ᠬᠢᠵᠠᠭᠠᠷᠯᠠᠵᠣ᠂ ᠲᠦᠰᠦᠪ ᠤᠨ ᠲᠣᠭᠢᠷᠠᠭᠤᠯᠭ᠎ᠠ᠂ ᠰᠣᠯᠡ ᠪᠠᠶᠢᠬᠤ | ᠬᠦᠷᠦᠩᠭᠡ ᠬᠤᠭᠰᠢᠯ ᠢ ᠠᠮᠢᠳᠣᠯᠢᠭᠵᠢᠭᠤᠯᠬᠤ ᠪᠠᠷ ᠲᠠᠮᠵᠢᠭᠤᠯᠣᠨ᠂ ᠣᠯᠠᠨ ᠵᠠᠮ ᠮᠦᠷ ᠠᠷᠭ᠎ᠠ ᠪᠠᠷᠢᠯ ᠢᠶᠠᠷ ᠪᠡᠯᠡ ᠮᠦᠩᠭᠦ ᠬᠤᠷᠠᠮᠳᠣᠭᠤᠯᠵᠣ᠂ ᠦᠷᠢ ᠦᠭᠴᠡᠭᠡ ᠶᠢ | ᠢᠳᠡᠪᠬᠢᠳᠠᠢ ᠰᠢᠢᠳᠪᠦᠷᠢᠯᠠᠨ᠎ᠠ᠃ ᠭᠤᠷᠪᠠ ᠳᠤ ᠠᠷᠪᠢᠯᠠᠨ ᠭᠠᠮᠨᠠᠬᠤ ᠪᠠᠨ ᠴᠢᠩᠭᠠᠳᠬᠠᠨ᠎ᠠ᠃ ᠲᠦᠰᠦᠪ ᠤᠨ ᠬᠢᠵᠠᠭᠠᠷᠯᠠᠯ ᠢ ᠴᠢᠩᠭᠠᠷᠠᠭᠤᠯᠵᠣ᠂ ᠲᠦᠰᠦᠪ᠂ | ᠬᠡᠷᠡᠭᠯᠡᠬᠦ ᠲᠥᠯᠥᠪᠯᠡᠭᠡ᠂ ᠲᠦᠷᠦᠯ ᠵᠣᠶᠢᠯ ᠤᠨ ᠠᠬᠢᠴᠠ᠂ ᠬᠠᠮᠢᠶ᠎ᠠ ᠪᠦᠬᠦᠢ ᠭᠡᠷ᠎ᠡ ᠪᠣᠯᠣᠨ ᠶᠠᠪᠣᠴᠠ ᠲᠣᠭᠳᠠᠭᠠᠯ ᠶᠣᠰᠣᠭᠠᠷ ᠪᠡᠯᠡ ᠮᠦᠩᠭᠦ ᠪᠠᠭᠤᠯᠭᠠᠬᠤ ᠶᠢ ᠴᠢᠩᠭ᠎ᠠ | ᠵᠢᠷᠣᠮᠯᠠᠵᠣ᠂ ︽ᠭᠤᠷᠪᠠᠨ ᠠᠯᠪᠠᠨ︾ ᠵᠠᠷᠣᠳᠠᠯ ᠪᠣᠯᠣᠨ ᠡᠩ ᠤᠨ ᠵᠠᠷᠣᠯᠭ᠎ᠠ ᠶᠢ ᠴᠢᠩᠭ᠎ᠠ ᠬᠢᠵᠠᠭᠠᠷᠯᠠᠨ᠎ᠠ᠃ ︽ᠠᠷᠪᠢᠯᠠᠬᠤ︾ ᠬᠢᠬᠡᠳ ︽ᠡᠷᠴᠢᠮᠵᠢᠭᠦᠯᠬᠦ︾ ᠶᠢ | ᠬᠠᠮᠳᠦ ᠴᠢᠬᠤᠯᠠᠴᠢᠯᠠᠵᠣ᠂ ᠨᠢᠭᠡ ᠲᠠᠯ᠎ᠠ ᠪᠠᠷ ︽ᠪᠣᠷᠣ ᠬᠤᠨᠤᠭ︾ ᠦᠩᠭᠡᠷᠡᠭᠡᠵᠣ᠂ ᠠᠷᠪᠢᠴᠢ ᠭᠠᠮᠲᠠᠢ ᠪᠠᠷ ᠣᠴᠢᠷ ᠪᠦᠳᠦᠭᠡᠵᠣ᠂ ᠨᠦᠬᠦᠭᠡ ᠲᠠᠯ᠎ᠠ ᠪᠠᠷ ᠡᠳ᠋ ᠤᠨ | ᠵᠠᠰᠠᠭ ᠤᠨ ᠬᠠᠳᠠᠭᠠᠯᠠᠯᠳᠠ ᠪᠡᠯᠡ ᠮᠦᠩᠭᠦ ᠶᠢ ᠢᠳᠡᠪᠬᠢᠳᠡᠢ ᠠᠮᠢᠳᠤᠯᠢᠭᠵᠢᠭᠤᠯᠵᠤ᠂ ᠪᠡᠯᠡ ᠮᠦᠩᠭᠦᠨ ᠤ ᠬᠡᠷᠡᠭᠯᠡᠭᠡᠨ ᠤ ᠦᠷ᠎ᠡ ᠠᠰᠢᠭ ᠢ ᠲᠡᠭᠡᠭᠰᠢᠯᠡᠬᠦᠯᠦᠨ᠎ᠠ᠃ | ︵ᠲᠦᠷᠪᠠ︶ ᠡᠳ᠋ ᠤᠨ ᠵᠠᠰᠠᠭ ᠤᠨ ᠪᠠᠶᠢᠭᠤᠯᠣᠮᠵᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠬᠦᠯᠵᠣ᠂ ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠬᠦᠯᠦᠨ᠎ᠡ᠃ | ᠲᠦᠯᠦᠪᠵᠢᠭᠦᠯᠦᠨ ᠰᠦᠪᠡᠭᠴᠢᠯᠡᠬᠦ ᠶᠢ ᠪᠠᠷᠢᠮᠳᠠᠯᠠᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠣᠮᠵᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠬᠦᠯᠵᠣ᠂ ᠲᠦᠷᠢᠮ | ᠲᠣᠭᠳᠠᠭᠠᠯᠳᠠ ᠶᠢ ᠲᠦᠷᠭᠡᠳᠬᠡᠵᠣ᠂ ᠡᠳ᠋ ᠤᠨ ᠵᠠᠰᠠᠭ ᠤᠨ ᠬᠦᠭᠵᠢᠯᠳᠠ ᠶᠢᠨ ᠬᠦᠳᠡᠯᠬᠡᠭᠦ ᠬᠦᠴᠦᠨ ᠢ ᠨᠡᠮᠡᠭᠳᠡᠬᠦᠯᠵᠣ᠂ ᠬᠠᠣᠯᠢ ᠶᠣᠰᠣᠭᠠᠷ ᠲᠦᠰᠦᠪ ᠤᠨ | ᠬᠠᠮᠢᠶᠠᠷᠣᠯᠳᠠ ᠪᠠᠨ ᠴᠢᠩᠭᠠᠳᠬᠠᠨ᠎ᠠ᠃ ᠰᠢᠨ᠎ᠠ ︽ᠲᠦᠰᠦᠪ ᠤᠨ ᠬᠠᠣᠯᠢ︾ ᠶᠢᠨ ᠱᠠᠭᠠᠷᠳᠠᠯᠭ᠎ᠠ ᠶᠣᠰᠣᠭᠠᠷ ᠪᠦᠬᠦ ᠲᠠᠯ᠎ᠠ ᠪᠠᠷ ᠲᠦᠷᠢᠮᠵᠢᠭᠰᠡᠨ᠂ ᠢᠯᠡ ᠲᠣᠳᠣᠷᠬᠠᠢ | ᠲᠦᠰᠦᠪ ᠤᠨ ᠲᠦᠷᠢᠮ ᠢ ᠬᠡᠷᠡᠭᠵᠢᠭᠦᠯᠦᠨ᠂ ᠬᠠᠷᠢᠭᠤ ᠲᠣᠰᠬᠠᠬᠤ ᠲᠣᠭᠳᠠᠴᠠ ᠪᠠᠶᠢᠭᠤᠯᠣᠨ᠂ ᠨᠠᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ ᠣᠬᠠᠮᠰᠠᠷ ᠠᠴᠠ | ᠬᠦᠯᠢᠶᠡᠵᠣ᠂ ᠡᠳ᠋ ᠤᠨ ᠵᠠᠰᠠᠭ ᠤᠨ ᠴᠢᠳᠡᠪᠬᠢ ᠣᠶᠢᠯᠠᠳᠣᠯ ᠢ ᠬᠦᠢᠴᠡᠳ ᠪᠠᠳᠠᠷᠠᠭᠤᠯᠣᠨ᠂ ᠪᠡᠯᠡ ᠮᠦᠩᠭᠦᠨ ᠤ ᠬᠡᠷᠡᠭᠯᠡᠭᠡᠨ ᠤ ᠦᠷ᠎ᠡ ᠠᠰᠢᠭ ᠢ ᠲᠡᠭᠡᠭᠰᠢᠯᠡᠬᠦᠯᠦᠨ᠎ᠠ᠃ | ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠲᠦᠰᠦᠪ ᠤᠨ ᠭᠦᠢᠴᠡᠳᠬᠡᠯ ᠤᠨ ᠪᠠᠶᠢᠴᠠᠭᠠᠯᠳᠠ ᠵᠠᠳᠠᠯᠣᠯᠳᠠ ᠦᠷᠨᠢᠭᠦᠯᠵᠣ᠂ ᠣᠷᠣᠰᠢᠵᠣ ᠪᠠᠶᠢᠭ᠎ᠠ ᠠᠰᠠᠭᠤᠳᠠᠯ ᠢ | ᠴᠠᠭ ᠲᠣᠬᠠᠢ ᠳᠤ ᠨᠢ ᠰᠢᠢᠳᠪᠦᠷᠢᠯᠠᠵᠣ᠂ ᠲᠦᠰᠦᠪ ᠤᠨ ᠭᠡᠷᠡᠭᠵᠢᠭᠦᠯᠥᠯᠳᠡ ᠶᠢᠨ ᠦᠷ᠎ᠡ ᠪᠦᠳᠦᠮᠵᠢ ᠶᠢ ᠪᠠᠳᠣᠯᠠᠨ᠎ᠠ᠃ ᠤᠯᠤᠰ ᠤᠨ ᠭᠥᠮᠥᠷᠭᠡ ᠠᠴᠠ ᠲᠥᠪᠯᠡᠷᠡᠩᠭᠦᠢ | ᠭᠠᠷᠭᠠᠬᠤ ᠲᠦᠷᠢᠮ᠂ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠬᠠᠮᠢᠶᠠᠷᠣᠯᠳᠠ ᠬᠢᠨᠠᠯᠳᠠ ᠶᠢᠨ ᠰᠢᠰᠲ᠋ᠧᠮ᠂ ᠵᠠᠰᠠᠭ ᠵᠠᠬᠢᠷᠭ᠎ᠠ ᠠᠵᠢᠯ ᠣᠶᠢᠯᠠᠰ ᠤᠨ ᠨᠢᠭᠡᠴᠡ | ᠶᠢᠨ ᠣᠯᠣᠰ ᠤᠨ ᠦᠮᠴᠢᠯᠡᠯᠳᠦ ᠬᠦᠷᠦᠩᠭᠡ ᠶᠢᠨ ᠬᠠᠮᠢᠶᠠᠷᠣᠯᠳᠠ ᠪᠣᠯᠣᠨ ᠭᠠᠶᠢᠯᠢ ᠶᠢᠨ ᠪᠣᠰᠣ ᠣᠷᠣᠯᠭ᠎ᠠ ᠶᠢᠨ ᠬᠠᠮᠢᠶᠠᠷᠣᠯᠳᠠ ᠶᠢᠨ ᠲᠦᠷᠢᠮ ᠢ ᠤᠯᠠᠮ | ᠲᠡᠭᠦᠯᠳᠡᠷᠵᠢᠭᠦᠯᠵᠣ᠂ ᠡᠳ᠋ ᠤᠨ ᠵᠠᠰᠠᠭ ᠤᠨ ᠣᠶᠢᠯᠠᠰ ᠤᠨ ᠭᠤᠷᠪᠠᠨ ᠵᠢᠯ ᠤᠨ ᠬᠦᠭᠵᠢᠯᠳᠠ ᠶᠢᠨ ᠲᠦᠯᠦᠪᠵᠢᠭᠦᠯᠬᠡ ᠶᠢ ᠲᠡᠬᠦᠯᠳᠡᠷᠵᠢᠭᠦᠯᠵᠣ᠂ ᠵᠢᠯ ᠠᠯᠣᠰᠯᠠᠨ | ᠲᠦᠰᠦᠪ ᠢ ᠲᠡᠩᠴᠡᠬᠦᠷᠢᠰᠢᠬᠦᠯᠬᠦ ᠲᠣᠭᠳᠠᠴᠠ ᠶᠢ ᠪᠠᠶᠢᠭᠤᠯᠵᠣ᠂ ᠦᠭᠡᠷᠡᠴᠢᠯᠡᠯᠳᠠ ᠪᠠᠷ ᠡᠳ᠋ ᠤᠨ ᠵᠠᠰᠠᠭ ᠤᠨ ᠬᠡᠯᠪᠡᠷᠢ ᠶᠢᠨ ᠬᠤᠪᠢᠷᠠᠭᠤᠯᠣᠯᠳᠠ ᠶᠢ ᠠᠬᠢᠭᠤᠯᠣᠨ᠎ᠠ ᠃ | ᠪᠠᠯᠭᠠᠰᠣᠨ ᠤ ᠡᠳ᠋ ᠤᠨ ᠵᠠᠰᠠᠭ ᠤᠨ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠶᠢ ᠣᠯᠠᠮ ᠴᠢᠩᠭᠠᠳᠬᠠᠵᠣ᠂ ᠡᠯ᠎ᠡ ᠪᠠᠯᠭᠠᠰᠣᠨ ᠤ ᠣᠯᠣᠰ ᠤᠨ ᠬᠦᠮᠦᠷᠭᠡ ᠠᠴᠠ | ᠲᠦᠪᠯᠡᠷᠡᠩᠭᠦᠢ ᠭᠠᠷᠭᠠᠬᠤ ᠲᠦᠷᠢᠮ ᠤᠨ ᠬᠡᠷᠡᠭᠵᠢᠭᠦᠯᠦᠯᠳᠠ ᠪᠠᠨ ᠴᠢᠩᠭᠠᠳᠬᠠᠵᠣ᠂ ᠡᠳ᠋ ᠤᠨ ᠵᠠᠰᠠᠭ ᠤᠨ ᠬᠠᠮᠢᠶᠠᠷᠣᠯᠳᠠ ᠶᠢᠨ ᠲᠦᠪᠰᠢᠨ ᠢ ᠦᠨᠡᠨ ᠬᠦ | ᠲᠡᠭᠡᠭᠰᠢᠯᠡᠬᠦᠯᠦᠨ᠎ᠡ᠃ | ︵ᠲᠠᠪᠤ︶ ᠡᠳ᠋ ᠤᠨ ᠵᠠᠰᠠᠭ ᠤᠨ ᠬᠢᠨᠠᠯᠳᠠ ᠶᠢ ᠴᠢᠩᠭᠠᠳᠬᠠᠵᠣ᠂ ᠪᠡᠯᠡ ᠮᠦᠩᠭᠦᠨ ᠤ ᠠᠮᠦᠷ ᠲᠦᠪᠰᠢᠨ ᠢ ᠪᠠᠳᠣᠯᠠᠨ᠎ᠠ᠃ ᠠᠷᠠᠳ ᠤᠨ ᠠᠮᠢᠳᠤᠷᠠᠯ ᠤᠨ | ᠢᠨᠵᠧᠨᠧᠷᠢᠩ᠂ ᠮᠠᠯ ᠲᠠᠷᠢᠶᠠᠯᠠᠩ ᠤᠨ ᠲᠦᠷᠦᠯ ᠵᠣᠶᠢᠯ᠂ ᠰᠠᠭᠤᠷᠢ ᠲᠦᠬᠦᠭᠡᠷᠦᠮᠵᠢ᠂ ᠡᠮ ᠡᠮᠨᠡᠯᠭᠡ ᠡᠷᠡᠬᠦᠯ ᠬᠠᠮᠠᠭᠠᠯᠠᠯ᠂ ᠰᠣᠶᠣᠯ ᠰᠣᠷᠭᠠᠨ ᠬᠦᠮᠦᠵᠢᠯ᠂ ᠨᠡᠶᠢᠭᠡᠮ | ᠤᠨ ᠣᠶᠢᠯᠠᠰ ᠤᠨ ᠪᠡᠯᠡ ᠮᠦᠩᠭᠦ ᠶᠢᠨ ᠬᠢᠨᠠᠯᠳᠠ ᠶᠢ ᠴᠢᠩᠭᠠᠳᠬᠠᠵᠣ᠂ ᠪᠡᠯᠡ ᠮᠦᠩᠭᠦᠨ ᠤ ᠠᠮᠦᠷ ᠲᠦᠪᠰᠢᠨ ᠲᠦᠷᠢᠮᠵᠢᠭᠰᠡᠨ ᠡᠷᠬᠢᠯᠳᠠ ᠶᠢ ᠪᠠᠳᠣᠯᠠᠨ᠎ᠠ᠃ | ᠨᠢᠭᠳᠠᠯᠠᠨ ᠪᠣᠳᠣᠬᠤ ᠬᠢᠨᠠᠯᠳᠠ ᠪᠠᠶᠢᠴᠠᠭᠠᠯᠳᠠ ᠶᠢ ᠴᠢᠩᠭᠠᠳᠬᠠᠵᠣ᠂ ᠭᠤᠣᠯᠳᠠᠯᠭᠠᠳᠦ ᠣᠷᠣᠨ ᠬᠡᠪᠴᠢᠶ᠎ᠡ᠂ ᠭᠤᠣᠯᠳᠠᠯᠭᠠᠳᠦ ᠠᠵᠢᠯ ᠲᠦᠷᠦᠯ ᠤᠨ ᠨᠢᠭᠳᠠᠯᠠᠨ | ᠪᠣᠳᠣᠯᠳᠠ ᠶᠢᠨ ᠬᠢᠨᠠᠯᠳᠠ ᠶᠢ ᠰᠠᠶᠢᠳᠦᠷ ᠬᠢᠵᠣ᠂ ᠨᠢᠭᠳᠠᠯᠠᠨ ᠪᠣᠳᠣᠯᠳᠠ ᠶᠢᠨ ᠮᠡᠳᠡᠭᠡ ᠵᠡᠩᠭᠢ ᠶᠢᠨ ᠴᠢᠨᠠᠷᠵᠢᠯ ᠢ ᠣᠯᠠᠮ ᠲᠡᠭᠡᠭᠰᠢᠯᠡᠭᠦᠯᠦᠨ᠎ᠠ᠃ ᠡᠳ᠋ ᠤᠨ ᠵᠠᠰᠠᠭ ᠤᠨ | ᠬᠢᠨᠠᠯᠳᠠ ᠬᠠᠮᠢᠶᠠᠷᠣᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠴᠢᠩᠳᠡᠯᠡᠨ᠂ ᠵᠠᠰᠠᠭ ᠤᠨ ᠣᠷᠳᠣᠨ ᠠᠴᠠ ᠪᠡᠯᠡ ᠣᠷᠣᠭᠤᠯᠣᠭᠰᠠᠨ | ᠰᠠᠭᠤᠷᠢ ᠪᠠᠶᠢᠭᠤᠯᠣᠯᠳᠠ ᠶᠢᠨ ᠲᠦᠷᠦᠯ ᠵᠣᠶᠢᠯ ᠤᠨ ᠪᠡᠯᠡ ᠮᠦᠩᠭᠦᠨ ᠤ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠡᠳ᠋ ᠤᠨ ᠵᠠᠰᠠᠭ ᠤᠨ ᠪᠡᠯᠡ ᠮᠦᠩᠭᠦᠨ ᠤ | ᠡᠷᠬᠢᠯᠳᠠ ᠶᠢᠨ ᠪᠦᠬᠦ ᠶᠠᠪᠣᠴᠠ ᠶᠢ ᠬᠢᠨᠠᠨ ᠬᠠᠮᠢᠶᠠᠷᠬᠤ ᠲᠣᠭᠳᠠᠴᠠ ᠶᠢ ᠴᠢᠷᠮᠠᠶᠢᠨ ᠪᠦᠷᠢᠯᠳᠦᠬᠦᠯᠦᠨ᠎ᠡ᠃ ᠠᠵᠣ ᠠᠬᠤᠢ ᠶᠢᠨ ᠪᠠᠶᠢᠳᠠᠯ ᠪᠣᠯᠣᠨ ᠡᠳ᠋ ᠤᠨ ᠵᠠᠰᠠᠭ | ᠭᠠᠶᠢᠯᠢ ᠶᠢᠨ ᠦᠭᠡᠷᠡᠴᠢᠯᠡᠯᠳᠠ ᠶᠢ ᠠᠩᠬᠠᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠤᠨ ᠬᠢᠨᠠᠯᠳᠠ᠂ ᠬᠢᠨᠠᠨ ᠪᠤᠳᠤᠬᠤ ᠰᠠᠯᠠᠭ᠎ᠠ ᠮᠥᠴᠢᠷ ᠤᠨ ᠬᠢᠨᠠᠯᠳᠠ ᠶᠢ ᠰᠠᠨᠠᠭᠠᠴᠢᠯᠠᠭ᠎ᠠ ᠲᠠᠢ ᠭᠥᠯᠢᠶᠡᠵᠥ᠂ ᠬᠠᠤᠯᠢ ᠶᠤᠰᠤᠭᠠᠷ ᠵᠠᠰᠠᠭ | ᠶᠠᠪᠤᠭᠤᠯᠤᠨ᠂ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠴᠤ᠂ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠥᠷᠭᠦᠯᠵᠢᠭᠦᠶᠢᠴᠡ ᠭᠥᠭᠵᠢᠯᠳᠡ ᠳᠤ | ᠪᠠᠳᠤ ᠪᠠᠬᠢ ᠡᠳ᠋ ᠤᠨ ᠭᠥᠴᠥᠨ ᠤ ᠪᠠᠳᠤᠯᠠᠭ᠎ᠠ ᠬᠠᠩᠭᠠᠨ᠎ᠠ᠃ | ᠲᠥᠯᠥᠭᠡᠯᠡᠭᠴᠢᠳ ᠡ᠂ 2016 ᠤᠨ ᠤ ᠡᠳ᠋ ᠤᠨ ᠵᠠᠰᠠᠭ ᠤᠨ ᠠᠵᠢᠯ ᠢᠶᠠᠨ ᠰᠠᠶᠢᠳᠦᠷ ᠬᠢᠬᠦ ᠨᠢ ︽ᠠᠷᠪᠠᠨ ᠭᠤᠷᠪᠠᠳᠦᠭᠠᠷ ᠳᠠᠪᠤᠨ ᠵᠢᠯ︾ ᠤᠨ ᠲᠥᠯᠥᠪᠵᠢᠭᠦᠯᠭᠡ | ᠶᠢ ᠣᠬᠢ ᠰᠠᠶᠢᠨ ᠡᠬᠢᠯᠡᠬᠦᠯᠬᠦ ᠶᠢᠨ ᠲᠡᠷᠢᠬᠦᠨ ᠴᠢᠬᠤᠯᠠ ᠶᠠᠪᠣᠳᠠᠯ ᠪᠣᠯᠣᠨ᠎ᠠ᠃ ᠪᠢᠳᠠ ᠯᠠᠪᠳᠠᠭᠤᠨ ᠪᠠᠳᠣᠳᠠᠢ ᠠᠯᠬᠤᠭ᠎ᠠ᠂ ᠪᠣᠳᠠᠳᠠᠢ ᠠᠵᠢᠯᠯᠠᠬᠤ ᠰᠣᠷᠳᠠᠯ᠂ ᠵᠣᠷᠢᠭ | ᠲᠠᠢ ᠡᠭᠦᠷᠭᠡᠯᠡᠬᠦ ᠣᠪᠣᠷ᠂ ᠰᠢᠨᠡᠴᠢᠯᠡᠯᠳᠠ ᠲᠠᠢ ᠠᠵᠢᠯᠯᠠᠭ᠎ᠠ ᠪᠠᠷ ᠢᠶᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢ ᠪᠠᠶᠢᠷᠢᠯᠠᠭᠤᠯᠣᠯᠳᠠ | ᠪᠣᠯᠣᠨ ᠬᠤᠰᠢᠭᠤ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠰᠢᠢᠳᠪᠦᠷᠢ ᠵᠣᠷᠢᠭ ᠰᠠᠨᠠᠭ᠎ᠠ ᠪᠠᠷ ᠡᠳ᠋ ᠤᠨ ᠵᠠᠰᠠᠭ ᠤᠨ ᠡᠯ᠎ᠡ ᠲᠦᠷᠦᠯ ᠤᠨ ᠠᠵᠢᠯ ᠢ | ᠠᠬᠢᠭᠤᠯᠬᠤ ᠦᠨᠳᠦᠰᠦᠨ ᠴᠢᠭᠯᠡᠯᠳᠠ ᠪᠠ ᠠᠵᠢᠯᠯᠠᠭᠠᠨ ᠤ ᠵᠦᠭᠯᠡᠬᠦᠷ ᠪᠤᠯᠭᠠᠵᠤ᠂ ᠬᠦᠴᠦᠯᠡᠨ ᠵᠢᠳᠬᠦᠵᠣ᠂ ᠯᠠᠪᠳᠠᠭᠤᠨ ᠪᠠᠳᠣᠳᠠᠢ ᠠᠵᠢᠯᠯᠠᠨ᠂ ᠡᠳ᠋ ᠤᠨ ᠵᠠᠰᠠᠭ ᠤᠨ | ᠡᠯ᠎ᠡ ᠲᠦᠷᠦᠯ ᠤᠨ ᠠᠵᠢᠯ ᠤᠨ ᠬᠠᠷᠠᠯᠳᠠ ᠪᠠᠨ ᠠᠮᠵᠢᠯᠳᠠ ᠲᠠᠢ ᠪᠡᠶᠡᠯᠡᠭᠦᠯᠰᠦᠭᠡᠢ︕ | | | | |