—— 2015 ᠤᠨ ᠤ 2 ᠰᠠᠷ᠎ᠠ ᠶᠢᠨ 11 ᠤ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ ᠬᠤᠭᠤᠴᠠᠭᠠᠨ ᠤ ᠠᠷᠠᠤᠨ ᠤᠨ | ᠲᠦᠯᠦᠬᠡᠯᠡᠭᠴᠢᠤᠨ ᠤᠨ ᠶᠡᠭᠡ ᠬᠤᠷᠠᠯ ᠤᠨ ᠲᠦᠷᠪᠡᠳᠤᠬᠡᠷ ᠬᠤᠷᠠᠯᠳᠤᠭᠠᠨ ᠳᠡᠬᠡᠷ᠎ᠠ | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ | ᠵᠠᠰᠠᠭ ᠤᠨ ᠤᠷᠳᠤᠨ ᠤ ᠬᠤᠰᠢᠭᠤ ᠳᠠᠷᠤᠭ᠎ᠠ | | ᠵᠢᠷᠭᠠᠯᠳᠤ | | ᠲᠦᠯᠦᠬᠡᠯᠡᠭᠴᠢᠤᠨ ᠡ᠄ | ᠡᠳᠤᠬᠡ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠤᠬᠡᠯᠡᠨ ᠠᠵᠢᠯ ᠤᠨ ᠢᠯᠡᠤᠨᠬᠡᠯ ᠬᠢᠶ᠎ᠠ᠂ ᠲᠥᠯᠥᠭᠡᠯᠡᠭᠴᠢᠳ ᠬᠢᠨᠠᠨ ᠵᠦᠪᠯᠡᠵᠤ᠂ ᠤᠯᠤᠰ | ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠭᠡ᠂ 2014 ᠤᠨ ᠤ ᠠᠵᠢᠯ ᠤᠨ ᠡᠷᠬᠢᠴᠡᠬᠦᠯᠤᠯ | ᠦᠩᠬᠡᠷᠡᠭᠰᠡᠨ ᠨᠢᠬᠡ ᠵᠢᠯ ᠳᠤ᠂ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠳᠡᠬᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ | ᠬᠤᠰᠢᠭᠤᠨ ᠤ ᠨᠠᠮ ᠤᠨ ᠬᠤᠷᠢᠶᠠᠨ ᠤ ᠰᠢᠢᠤᠨᠪᠤᠷᠢ ᠳᠤᠬᠢᠷᠠᠭᠤᠯᠭ᠎ᠠ ᠶᠢ ᠪᠦᠬᠦ ᠳᠠᠯ᠎ᠠ ᠪᠠᠷ ᠪᠤᠳᠠᠳᠠᠶᠢᠵᠢᠭᠤᠯᠵᠤ᠂ ᠬᠤᠰᠢᠭᠤᠨ ᠤ ᠠᠷᠠᠤᠨ ᠤᠨ ᠲᠦᠯᠤᠬᠡᠯᠡᠭᠴᠢᠤᠨ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠤᠯᠤᠰ ᠲᠦᠷᠤ ᠶᠢᠨ ᠵᠦᠪᠯᠡᠯᠬᠡᠨ ᠤ ᠬᠦᠴᠤᠳᠤ ᠳᠠᠮᠵᠢᠯᠬᠡ ᠳᠤᠤᠷ᠎ᠠ ᠬᠦᠭᠵᠢᠯᠳᠠ ᠶᠢ ᠠᠤᠨᠬᠤᠨ᠂ ᠠᠷᠠᠤᠨ | ᠤᠨ ᠠᠮᠢᠳᠤᠷᠠᠯ ᠢ ᠬᠠᠷᠠᠭᠠᠯᠵᠠᠵᠤ᠂ ᠳᠤᠭᠳᠠᠭᠤᠨ ᠢ ᠪᠠᠳᠤᠯᠠᠭᠰᠡᠨ ᠠᠴᠠ ᠠᠵᠤ ᠠᠬᠤᠢ ᠳᠤᠭᠳᠠᠭᠤᠨ ᠢᠶᠠᠷ ᠨᠡᠮᠡᠭᠳᠡᠵᠤ᠂ ᠨᠠᠶᠢᠬᠡᠮ ᠡᠪ ᠨᠠᠶᠢᠷᠠᠮᠳᠠᠭᠤ ᠠᠮᠤᠷ | ᠳᠤᠭᠳᠠᠭᠤᠨ ᠪᠤᠯᠵᠤ᠂ ᠡᠯ᠎ᠡ ᠲᠦᠷᠤᠯ ᠤᠨ ᠠᠵᠢᠯ ᠤᠶᠢᠯᠡᠰ ᠳᠠᠰᠤᠷᠠᠯᠳᠠ ᠦᠬᠡᠢ ᠳᠠᠪᠰᠢᠵᠤ᠂ ᠶᠢᠰᠤᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠬᠡᠷ᠎ᠠ ᠳᠤᠭᠳᠠᠭᠠᠭᠰᠡᠨ ᠬᠠᠷᠠᠯᠳᠠ ᠡᠬᠦᠷᠬᠡ ᠪᠠᠨ ᠠᠮᠵᠢᠯᠳᠠ ᠲᠠᠢ ᠪᠡᠶᠡᠯᠡᠬᠦᠯᠪᠠ᠃ ᠭᠠᠵᠠᠷ ᠤᠷᠤᠨ ᠤ | ᠥᠢᠯᠡᠳᠪᠥᠷᠢᠯᠡᠯ ᠤᠨ ᠶᠡᠷᠥᠩᠭᠡᠢ ᠥᠷᠳᠡᠭ 127.34 ᠳ᠋ᠦᠩᠰᠢᠭᠤᠷ ᠲᠦᠬᠦᠷᠢᠭ ᠲᠤ ᠬᠦᠷᠴᠤ᠂ 7.8% ᠨᠡᠮᠡᠭᠳᠡᠪᠠ︔ ᠨᠠᠶᠢᠳᠠ ᠶᠢᠨ ᠡᠳ᠋ ᠤᠨ ᠵᠠᠰᠠᠭ ᠤᠨ | ᠲᠦᠰᠤᠪ ᠤᠨ ᠤᠷᠤᠯᠭ᠎ᠠ 14.7 ᠳ᠋ᠥᠩᠰᠢᠭᠤᠷ ᠲᠥᠭᠦᠷᠢᠭ ᠲᠤ ᠭᠥᠷᠥᠨ᠂ 26% ᠨᠡᠮᠡᠭᠳᠡᠪᠠ︔ ᠲᠤᠭᠳᠠᠮᠠᠯ ᠭᠥᠷᠥᠩᠭᠡ ᠶᠢᠨ ᠪᠡᠯᠡ ᠤᠷᠤᠭᠤᠯᠤᠯᠳᠠ 280 | ᠳ᠋ᠦᠩᠰᠢᠭᠤᠷ ᠲᠦᠬᠦᠷᠢᠭ ᠲᠤ ᠬᠦᠷᠴᠤ᠂ 21.2% ᠨᠡᠮᠡᠭᠳᠠᠪᠠ︔ ᠨᠠᠶᠢᠬᠡᠮ ᠤᠨ ᠬᠡᠷᠡᠭᠯᠡᠬᠡᠨ ᠤ ᠳᠠᠸᠠᠷ ᠤᠨ ᠵᠢᠵᠢᠭᠯᠡᠨ ᠪᠤᠷᠤᠯᠠᠭᠤᠯᠤᠭᠰᠡᠨ ᠶᠡᠷᠤᠩᠬᠡᠢ ᠦᠷᠳᠡᠭ | 19 ᠳ᠋ᠦᠩᠰᠢᠭᠤᠷ ᠲᠦᠬᠦᠷᠢᠭ ᠲᠤ ᠬᠦᠷᠤᠨ᠂ 18.8% ᠨᠡᠮᠡᠭᠳᠡᠪᠠ︔ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠤᠨ ᠤᠨ ᠡᠵᠡᠮᠳᠡᠵᠤ ᠪᠤᠯᠬᠤ | ᠤᠷᠤᠯᠭ᠎ᠠ ᠳᠤᠰᠪᠤᠷᠢ 33096 ᠲᠦᠬᠦᠷᠢᠭ ᠪᠠ 13477 ᠲᠦᠬᠦᠷᠢᠭ ᠲᠤ ᠬᠦᠷᠴᠤ᠂ 9.5% ᠪᠠ 10.8% ᠨᠡᠮᠡᠭᠳᠡᠪᠠ᠃ | ︵ᠨᠢᠬᠡ︶ ᠠᠵᠤ ᠤᠶᠢᠯᠡᠤᠨᠪᠤᠷᠢ ᠶᠢᠨ ᠲᠦᠷᠤᠯ ᠵᠦᠢᠯ ᠢ ᠪᠦᠬᠦ ᠳᠠᠯ᠎ᠠ ᠪᠠᠷ ᠠᠬᠢᠭᠤᠯᠪᠠ᠃ ᠱᠠᠩᠬᠠᠢ ᠶᠢᠨ ᠰᠦᠮ᠎ᠠ ᠠᠴᠠ ᠱᠠᠨᠳᠦ᠋ᠩ ᠬᠦᠷᠬᠦ 800 ᠲᠦᠮᠡᠨ | ᠺᠢᠯᠤᠸᠠᠲ ᠴᠠᠬᠢᠯᠭᠠᠨ ᠬᠦᠷᠬᠡᠬᠦ ᠱᠤᠭᠤᠮ ᠪᠦᠬᠦ ᠤᠯᠤᠰ ᠤᠨ 12 ᠭᠠᠳᠠᠭᠰᠢ ᠴᠠᠬᠢᠯᠭᠠᠨ ᠬᠦᠷᠬᠡᠬᠦ ᠱᠤᠭᠤᠮ ᠤᠨ ᠨᠢᠬᠡ ᠪᠤᠯᠵᠤ᠂ ᠬᠤᠸᠠ ᠰᠢᠩ ᠤᠨ 40 | ᠳ᠋ᠦᠩᠰᠢᠭᠤᠷ ᠺᠦᠪ ᠮᠧᠲᠷ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ᠂ ᠬᠠᠷᠴᠠᠭᠠᠢ ᠬᠦᠯᠦᠭ 1 ᠨᠤᠮᠧᠷᠳᠤ ᠨᠡᠬᠦᠷᠡᠰᠤᠨ ᠠᠭᠤᠷᠬᠠᠢ ᠤᠯᠤᠰ ᠤᠨ | ᠬᠦᠭᠵᠢᠬᠦᠯᠤᠯᠳᠠ ᠦᠬᠡᠷᠡᠴᠢᠯᠠᠯᠳᠠ ᠶᠢᠨ ᠵᠦᠪᠯᠡᠯ ᠤᠨ ᠡᠮᠤᠨᠡᠬᠢ ᠬᠤᠭᠤᠴᠠᠭᠠᠨ ᠤ ᠠᠵᠢᠯ ᠡᠬᠢᠯᠡᠬᠦᠯᠬᠦ ᠵᠦᠪᠰᠢᠶᠡᠷᠡᠯ ᠢ ᠤᠯᠵᠤ᠂ ᠶᠡᠷᠤᠩᠬᠡᠢ ᠮᠠᠰᠢᠨ ᠴᠤᠭᠴᠠᠯᠠᠪᠤᠷᠢ | ᠨᠢ ᠮᠢᠩᠭᠠᠨ ᠲᠦᠮᠡᠨ ᠺᠢᠯᠤᠸᠠᠲ ᠴᠠᠬᠢᠯᠭᠠᠨ ᠰᠤᠷᠪᠤᠯᠵᠢ ᠴᠡᠭ ᠤᠨ ᠲᠦᠷᠤᠯ ᠵᠦᠢᠯ ᠤᠯᠤᠰ ᠤᠨ ᠬᠦᠭᠵᠢᠬᠦᠯᠤᠯᠳᠠ ᠦᠬᠡᠷᠡᠴᠢᠯᠠᠯᠳᠠ ᠶᠢᠨ ᠵᠦᠪᠯᠡᠯ ᠤᠨ ᠬᠢᠨᠠᠬᠤ | ᠶᠠᠪᠤᠴᠠ ᠳᠤ ᠤᠷᠤᠵᠤ᠂ ᠨᠡᠬᠦᠷᠡᠰᠤ ᠴᠠᠬᠢᠯᠭᠠᠨ ᠬᠢᠮᠢ ᠬᠤᠯᠪᠤᠭᠠᠯᠠᠨ ᠬᠦᠭᠵᠢᠬᠦ ᠠᠵᠤ ᠤᠶᠢᠯᠡᠰ ᠤᠨ ᠪᠦᠳᠤᠴᠠ ᠪᠦᠷᠢᠯᠳᠤᠵᠤ ᠡᠬᠢᠯᠡᠪᠠ᠃ ᠲᠦᠷᠤᠯ ᠵᠦᠢᠯ ᠢ | ᠬᠢᠨᠠᠨ ᠵᠦᠪᠰᠢᠶᠡᠷᠡᠬᠦᠯᠬᠦ ᠳᠤᠯᠭᠠᠭᠤᠷᠢᠯᠠᠬᠤ ᠴᠢᠨᠠᠷ ᠲᠠᠢ ᠲᠦᠯᠤᠪᠵᠢᠬᠦᠯᠬᠡ ᠶᠢ ᠪᠦᠬᠦ ᠬᠦᠴᠤᠨ ᠢᠶᠠᠷ ᠠᠬᠢᠭᠤᠯᠵᠤ᠂ ᠱᠠᠩᠬᠠᠢ ᠶᠢᠨ ᠰᠦᠮ᠎ᠠ ᠶᠢᠨ ᠠᠭᠤᠷᠬᠠᠢ ᠶᠢᠨ | ᠤᠷᠤᠨ ᠤ ᠬᠡᠤᠷᠰᠤᠨ ᠰᠢᠭᠠᠷᠤ ᠶᠢᠨ ᠳᠠᠯᠠᠪᠠᠢ᠂ ᠠᠭᠤᠷᠰᠢᠭᠤᠯᠬᠤ ᠴᠦᠬᠦᠷᠤᠮ᠂ ᠠᠵᠤ ᠤᠶᠢᠯᠡᠤᠨᠪᠤᠷᠢ ᠶᠢᠨ ᠪᠤᠵᠠᠷ ᠤᠰᠤ ᠰᠢᠢᠤᠨᠪᠤᠷᠢᠯᠡᠬᠦ ᠤᠶᠢᠯᠡᠤᠨᠪᠤᠷᠢ᠂ | ᠨᠡᠬᠦᠷᠡᠰᠤᠨ ᠴᠢᠯᠠᠭᠤᠨ ᠳᠠᠯᠠᠪᠠᠢ ᠵᠡᠷᠬᠡ ᠶᠢᠨ ᠠᠩᠬ᠎ᠠ ᠠᠯᠬᠤᠮ ᠤᠨ ᠪᠤᠯᠤᠮᠵᠢᠳᠤ ᠰᠤᠳᠤᠯᠭᠠᠨ ᠢ ᠦᠨᠡᠯᠡᠨ ᠰᠢᠯᠭᠠᠭᠤᠯᠵᠤ ᠪᠤᠢ᠃ ︽ᠨᠡᠬᠦᠷᠡᠰᠤ ᠶᠢ ᠨᠠᠷᠢᠯᠢᠭ | ᠪᠤᠯᠪᠠᠰᠤᠷᠠᠭᠤᠯᠤᠨ ᠠᠵᠤ ᠤᠶᠢᠯᠡᠰ ᠢ ᠳᠡᠰ ᠳᠡᠪᠰᠢᠬᠦᠯᠬᠦ ᠳᠠᠭᠤᠷᠢᠶᠠᠯ ᠰᠠᠭᠤᠷᠢᠨ ᠭᠠᠵᠠᠷ ᠤᠨ ᠲᠦᠯᠤᠪᠵᠢᠬᠦᠯᠬᠡ︾ ᠶᠢ ᠤᠯᠤᠰ ᠤᠨ ᠬᠦᠭᠵᠢᠬᠦᠯᠤᠯᠳᠠ | ᠦᠬᠡᠷᠡᠴᠢᠯᠠᠯᠳᠠ ᠶᠢᠨ ᠵᠦᠪᠯᠡᠯ ᠳᠤ ᠮᠡᠳᠡᠬᠦᠯᠤᠨ ᠴᠤᠬᠤᠯᠠᠪᠤᠷᠢᠯᠠᠯᠳᠠ ᠬᠦᠯᠢᠶᠡᠵᠤ᠂ ︽ᠱᠠᠩᠬᠠᠢ ᠶᠢᠨ ᠰᠦᠮ᠎ᠠ ᠶᠢᠨ ᠤᠯᠤᠰ ᠤᠨ ᠠᠮᠢ ᠠᠬᠤᠶᠢᠴᠢ ᠠᠵᠤ | ᠤᠶᠢᠯᠡᠤᠨᠪᠤᠷᠢ ᠶᠢᠨ ᠳᠠᠭᠤᠷᠢᠶᠠᠯ ᠬᠦᠷᠢᠶᠠᠯᠠᠩ ᠤᠨ ᠪᠠᠶᠢᠭᠤᠯᠤᠯᠳᠠ ᠶᠢᠨ ᠲᠦᠯᠤᠪᠵᠢᠬᠦᠯᠬᠡ︾ ᠰᠢᠨᠵᠢᠯᠡᠭᠡ ᠮᠡᠷᠬᠡᠵᠢᠯ ᠤᠨ ᠶᠠᠮᠤᠨ᠂ ᠤᠷᠴᠢᠨ ᠬᠠᠮᠠᠭᠠᠯᠠᠯᠳᠠ ᠶᠢᠨ | ᠶᠠᠮᠤᠨ᠂ ᠤᠯᠤᠰ ᠤᠨ ᠬᠦᠭᠵᠢᠬᠦᠯᠤᠯᠳᠠ ᠦᠬᠡᠷᠡᠴᠢᠯᠠᠯᠳᠠ ᠶᠢᠨ ᠵᠦᠪᠯᠡᠯ ᠤᠨ ᠬᠠᠮᠳᠤ ᠶᠢᠨ ᠬᠢᠨᠠᠨ ᠦᠨᠡᠯᠡᠯᠳᠠ ᠶᠢ ᠳᠠᠮᠵᠢᠵᠤ᠂ ᠦᠪᠡᠷᠳᠡᠬᠡᠨ ᠵᠠᠰᠠᠬᠤ ᠤᠷᠤᠨ ᠤ | ᠠᠩᠬᠠᠳᠠᠭᠴᠢ ᠤᠯᠤᠰ ᠤᠨ ᠳᠡᠰ ᠤᠨ ᠠᠮᠢ ᠠᠬᠤᠶᠢᠴᠢ ᠠᠵᠤ ᠤᠶᠢᠯᠡᠤᠨᠪᠤᠷᠢ ᠶᠢᠨ ᠳᠠᠭᠤᠷᠢᠶᠠᠯ ᠬᠦᠷᠢᠶᠡᠯᠠᠩ ᠪᠤᠯᠪᠠ᠃ ᠠᠵᠤ ᠤᠶᠢᠯᠡᠰ ᠤᠨ ᠤᠯᠠᠨ ᠡᠰᠢᠳᠤ | ᠬᠦᠭᠵᠢᠯᠳᠠ ᠳᠤ ᠬᠦᠴᠤᠯᠡᠵᠤ᠂ ︽ᠰᠢᠨ᠎ᠠ ᠡᠨᠧᠷᠬᠢ ᠶᠢ ᠨᠡᠬᠡᠬᠡᠨ ᠠᠰᠢᠭᠯᠠᠬᠤ ᠲᠦᠯᠤᠪᠵᠢᠬᠦᠯᠬᠡ︾᠂ ︽ᠳᠤᠰᠤ ᠬᠡᠢ ᠶᠢ ᠨᠡᠬᠡᠬᠡᠨ ᠠᠰᠢᠭᠯᠠᠬᠤ ᠲᠦᠯᠤᠪᠵᠢᠬᠦᠯᠬᠡ︾ | ᠪᠠ ︽ᠤᠯᠵᠠᠴᠢ ᠶᠢᠨ ᠶᠡᠷᠤᠩᠬᠡᠶᠢᠯᠡᠭᠰᠡᠨ ᠠᠵᠤ ᠤᠶᠢᠯᠡᠤᠨᠪᠤᠷᠢ ᠶᠢᠨ ᠬᠦᠷᠢᠶᠠᠯᠠᠩ ᠶᠢᠨ ᠠᠵᠤ ᠤᠶᠢᠯᠡᠰ ᠤᠨ ᠬᠦᠭᠵᠢᠯᠳᠠ ᠶᠢᠨ ᠲᠦᠯᠤᠪᠵᠢᠬᠦᠯᠬᠡ︾ ᠶᠢ | ᠨᠠᠶᠢᠷᠠᠭᠤᠯᠵᠤ᠂ ᠪᠤᠬᠢᠷᠳᠤᠯ ᠦᠬᠡᠢ ᠡᠨᠧᠷᠬᠢ ᠪᠠ ᠰᠢᠨ᠎ᠠ ᠡᠨᠧᠷᠬᠢ ᠶᠢᠨ ᠲᠦᠷᠤᠯ ᠵᠦᠢᠯ ᠢ 5 ᠤᠷᠢᠨ ᠠᠪᠴᠢᠷᠠᠵᠤ᠂ LNG ᠪᠠ ᠨᠠᠷᠠᠨ ᠡᠨᠧᠷᠬᠢ᠂ ᠰᠠᠯᠬᠢᠨ | ᠡᠨᠧᠷᠬᠢ ᠶᠢᠨ ᠬᠡᠯᠡᠯᠴᠡᠬᠡᠷ ᠤᠨ ᠶᠡᠷᠤᠩᠬᠡᠢ ᠬᠡᠪᠴᠢᠶᠡᠵᠢᠯ 100 ᠲᠦᠮᠡᠨ ᠳᠤᠨ᠂ 220 ᠲᠦᠮᠡᠨ ᠺᠢᠯᠤᠸᠠᠲ ᠳᠤ ᠬᠦᠷᠪᠠ᠃ ᠠᠵᠤ ᠤᠶᠢᠯᠡᠤᠨᠪᠤᠷᠢ ᠶᠢᠨ ᠠᠵᠤ | ᠠᠬᠤᠢ ᠳᠤᠭᠳᠠᠭᠤᠨ ᠠᠬᠢᠵᠤ᠂ ᠷᠦᠨ ᠪᠦᠸᠧ ᠶᠢᠨ 33 ᠰᠡᠶᠠ ᠸᠠᠲ ᠤᠨ ᠨᠠᠷᠠᠨ ᠴᠠᠬᠢᠯᠭᠠᠨ ᠤ ᠲᠦᠷᠤᠯ ᠵᠦᠢᠯ᠂ ᠰᠸᠠ ᠲᠠᠢ ᠶᠢᠨ 2×20 ᠲᠦᠮᠡᠨ ᠳᠤᠨ ᠤ | LNG ᠶᠢᠨ ᠨᠢᠬᠡᠳᠤᠬᠡᠷ ᠬᠤᠭᠤᠴᠠᠭ᠎ᠠ ᠳᠤᠷᠰᠢᠨ ᠤᠶᠢᠯᠡᠤᠨᠪᠤᠷᠢᠯᠡᠬᠦ ᠨᠦᠬᠦᠴᠡᠯ ᠪᠦᠷᠢᠳᠤᠵᠤ᠂ 130 ᠲᠦᠮᠡᠨ ᠳᠤᠨ ᠨᠢᠭᠳᠠᠵᠢᠭᠤᠯᠤᠨ ᠬᠡᠤᠷᠰᠢᠬᠦᠯᠬᠦ ᠤᠯᠠᠨ | ᠬᠤᠯᠪᠤᠭᠠᠳᠤ ᠤᠶᠢᠯᠡᠤᠨᠪᠤᠷᠢᠯᠡᠯ ᠪᠠ ᠱᠢ ᠳ᠋ᠠ᠂ ᠺᠧ ᠰᠧ ᠶᠢᠨ ᠶᠡᠷᠤᠩᠬᠡᠢ ᠬᠡᠪᠴᠢᠶᠡᠵᠢᠯ ᠨᠢ 80 ᠲᠦᠮᠡᠨ ᠳᠤᠨ ᠤ LNG ᠶᠢᠨ ᠲᠦᠷᠤᠯ ᠵᠦᠢᠯ ᠢ ᠪᠦᠬᠦ | ᠬᠤᠷᠳᠤᠴᠠ ᠪᠠᠷ ᠠᠬᠢᠭᠤᠯᠵᠤ᠂ ᠠᠵᠤ ᠤᠶᠢᠯᠡᠤᠨᠪᠤᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠠ 5.5% ᠨᠡᠮᠡᠭᠳᠡᠵᠤ᠂ ᠨᠡᠬᠦᠷᠡᠰᠤ᠂ ᠨᠡᠬᠦᠷᠡᠰᠤᠨ ᠬᠢᠮᠢ᠂ ᠰᠢᠳᠠᠮᠠᠬᠠᠢ | ᠬᠡᠢ ᠶᠢᠨ ᠭᠠᠷᠤᠯᠳᠠ ᠳᠤᠰᠪᠤᠷᠢ 1005 ᠲᠦᠮᠡᠨ ᠳᠤᠨ᠂ 90 ᠲᠦᠮᠡᠨ ᠳᠤᠨ ᠪᠠ 50 ᠳ᠋ᠦᠩᠰᠢᠭᠤᠷ ᠺᠦᠪ ᠮᠧᠲᠷ ᠬᠦᠷᠴᠤ᠂ ᠠᠵᠤ ᠤᠶᠢᠯᠡᠤᠨᠪᠤᠷᠢ ᠶᠢᠨ ᠠᠵᠤ | ᠠᠬᠤᠢ ᠳᠠᠬᠢ ᠵᠢᠤᠨᠬᠦᠯ ᠤᠨ ᠨᠤᠷᠮ᠎ᠠ 70% ᠳᠤ ᠬᠦᠷᠪᠠ᠃ 13 ᠲᠦᠷᠣᠯ ᠤᠨ 158 ᠵᠦᠢᠯ ᠤᠨ ᠲᠦᠷᠤᠯ ᠵᠦᠢᠯ ᠤᠨ ᠬᠦᠮᠤᠷᠬᠡ ᠶᠢ ᠪᠠᠶᠢᠭᠤᠯᠵᠤ᠂ ᠶᠡᠷᠤᠩᠬᠡᠢ | ᠪᠡᠯᠡ ᠤᠷᠤᠭᠤᠯᠤᠯᠳᠠ ᠪᠠᠷᠤᠭ 3000 ᠳ᠋ᠦᠩᠰᠢᠭᠤᠷ ᠲᠦᠬᠦᠷᠢᠭ ᠬᠦᠷᠴᠤ᠂ ᠬᠡᠯᠪᠡᠷᠢ ᠶᠢ ᠬᠤᠪᠢᠷᠠᠭᠠᠬᠤ ᠬᠦᠭᠵᠢᠯᠳᠠ ᠶᠢᠨ ᠳᠤᠯᠭᠠᠭᠤᠷᠢᠯᠠᠬᠤ ᠬᠦᠴᠤᠨ ᠢᠯᠡᠤᠨᠳᠠ | ᠳᠡᠬᠡᠭᠰᠢᠯᠡᠪᠠ᠃ | ︵ ᠬᠤᠶᠠᠷ︶ ᠠᠷᠠᠤᠨ ᠤᠨ ᠠᠮᠢᠳᠤᠷᠠᠯ ᠨᠠᠩ ᠪᠠᠳᠤᠯᠠᠭ᠎ᠠ ᠲᠠᠢ ᠪᠤᠯᠪᠠ᠃ ᠠᠷᠠᠤᠨ ᠤᠨ ᠠᠮᠢᠳᠤᠷᠠᠯ ᠳᠤ 19.53 ᠳ᠋ᠦᠩᠰᠢᠭᠤᠷ ᠲᠦᠬᠦᠷᠢᠭ ᠵᠠᠷᠤᠴᠠᠭᠤᠯᠵᠤ᠂ | ᠡᠳ᠋ ᠤᠨ ᠵᠠᠰᠠᠭ ᠤᠨ ᠶᠡᠷᠤᠩᠬᠡᠢ ᠵᠠᠷᠤᠯᠭ᠎ᠠ ᠶᠢᠨ 82.6% ᠶᠢ ᠡᠵᠡᠯᠡᠵᠤ᠂ ᠬᠤᠳᠠ᠂ ᠬᠤᠰᠢᠭᠤ ᠬᠤᠶᠠᠷ ᠱᠠᠳᠤᠨ ᠤ ᠠᠷᠠᠤᠨ ᠢ ᠬᠠᠷᠠᠭᠠᠯᠵᠠᠬᠤ ᠢᠨᠵᠧᠨᠧᠷᠢᠩ ᠢ | ᠪᠦᠬᠦᠨ ᠢ ᠪᠠᠶᠡᠯᠡᠬᠦᠯᠪᠠ᠃ 2000 ᠲᠦᠮᠡᠨ ᠲᠦᠬᠦᠷᠢᠭ ᠪᠠᠭ᠎ᠠ ᠳᠤᠭᠠᠳᠤ ᠳᠠᠭᠠᠭᠠᠯᠳᠠ ᠵᠢᠬᠡᠯᠡᠯᠬᠡ ᠳᠠᠯᠪᠢᠵᠤ᠂ 713 ᠰᠢᠯᠵᠢᠭᠰᠡᠨ ᠮᠠᠯᠴᠢᠨ ᠳᠠᠷᠢᠶᠠᠴᠢᠨ᠂ | 1137 ᠬᠤᠳᠠ ᠪᠠᠯᠭᠠᠰᠤ ᠶᠢᠨ ᠠᠵᠢᠯ ᠦᠬᠡᠢ ᠬᠦᠮᠤᠰ ᠢ ᠪᠤᠯᠪᠠᠰᠤᠷᠠᠭᠤᠯᠵᠤ᠂ ᠬᠤᠳᠠ ᠪᠠᠯᠭᠠᠰᠤ ᠶᠢᠨ 1219 ᠬᠦᠮᠤᠨ᠂ ᠶᠡᠭᠡ ᠰᠤᠷᠭᠠᠭᠤᠯᠢ ᠳᠡᠬᠦᠰᠦᠭᠰᠡᠨ | 311 ᠤᠶᠤᠳᠠᠨ ᠠᠵᠢᠯ ᠤᠯᠵᠤ᠂ ᠬᠤᠳᠠ ᠪᠠᠯᠭᠠᠰᠤᠨ ᠤ ᠳᠡᠩᠰᠠᠯᠠᠭᠰᠡᠨ ᠠᠵᠢᠯ ᠠᠯᠳᠠᠯᠳᠠ ᠶᠢᠨ ᠨᠤᠷᠮ᠎ᠠ 2.08% ᠪᠤᠯᠵᠤ᠂ ᠬᠤᠳᠠ ᠶᠢᠨ ᠳᠤᠭᠳᠠᠭᠠᠭᠰᠡᠨ 1. | 42 ᠵᠠᠭᠤᠨ ᠤ ᠴᠡᠭ ᠠᠴᠠ ᠳᠤᠤᠷ᠎ᠠ ᠪᠤᠯᠪᠠ᠃ ᠬᠤᠳᠠ ᠪᠠᠯᠭᠠᠰᠤ ᠶᠢᠨ 151 ᠠᠵᠢᠯ ᠦᠬᠡᠢ ᠬᠡᠷ ᠪᠦᠯᠢ ᠳᠤ ᠠᠳᠠᠭ ᠳᠤ ᠪᠠᠨ ᠨᠢᠬᠡ ᠬᠦᠮᠤᠨ ᠳᠤ ᠨᠢ ᠠᠵᠢᠯ | ᠤᠯᠭᠤᠪᠠ᠃ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠬᠦᠨᠳᠤ ᠡᠪᠡᠤᠨᠴᠢᠨ ᠤ ᠡᠮᠴᠢᠯᠡᠬᠡᠨ ᠠᠴᠠ ᠡᠮᠤᠨ᠎ᠠ ᠠᠪᠤᠷᠠᠨ ᠳᠤᠰᠠᠯᠠᠬᠤ ᠲᠦᠷᠢᠮ ᠢ ᠪᠦᠬᠦ ᠬᠤᠳᠠ | ᠳᠤ ᠳᠡᠷᠢᠬᠦᠯᠡᠨ ᠳᠡᠯᠬᠡᠷᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠡᠪᠡᠤᠨᠴᠢᠨ ᠠᠴᠠ ᠪᠤᠯᠵᠤ ᠶᠠᠳᠠᠭᠤᠷᠠᠬᠤ ᠶᠢ ᠪᠦᠳᠤᠮᠵᠢᠳᠠᠢ ᠬᠢᠵᠠᠭᠠᠷᠯᠠᠪᠠ᠃ | ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠤᠨ ᠤᠨ ᠨᠠᠰᠤᠵᠢᠯ ᠤᠨ ᠮᠦᠩᠬᠦ ᠶᠢ ᠬᠦᠮᠤᠨ ᠳᠤᠳᠤᠮ ᠰᠠᠷ᠎ᠠ ᠪᠦᠷᠢ 174 ᠲᠦᠬᠦᠷᠢᠭ ᠳᠡᠬᠡᠭᠰᠢᠯᠡᠬᠦᠯᠵᠤ᠂ ᠬᠤᠳᠠ | ᠬᠦᠳᠡᠭᠡ ᠶᠢᠨ ᠰᠠᠭᠤᠭᠠᠯᠢ ᠠᠷᠠᠤᠨ ᠤᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠳᠤᠰᠪᠤᠷᠢ 15 ᠲᠦᠬᠦᠷᠢᠭ ᠪᠠ 12 ᠲᠦᠬᠦᠷᠢᠭ ᠳᠡᠬᠡᠭᠰᠢᠯᠡᠬᠦᠯᠵᠤ᠂ ᠡᠮᠨᠡᠯᠬᠡ | ᠶᠢᠨ ᠳᠠᠭᠠᠤᠨᠬᠠᠯ ᠤᠨ ᠪᠡᠯᠡ ᠬᠤᠷᠠᠮᠳᠤᠭᠤᠯᠬᠤ ᠪᠠᠷᠢᠮᠵᠢᠶ᠎ᠠ ᠶᠢ ᠳᠤᠰᠪᠤᠷᠢ 36 ᠲᠦᠬᠦᠷᠢᠭ ᠪᠠ 35 ᠲᠦᠬᠦᠷᠢᠭ ᠳᠡᠬᠡᠭᠰᠢᠯᠡᠬᠦᠯᠵᠤ᠂ ᠭᠠᠭᠴᠠ ᠬᠡᠤᠬᠡᠤᠨ ᠨᠢ | ᠰᠢᠷᠬᠠᠳᠤᠵᠤ ᠵᠡᠮᠳᠡᠭ ᠪᠤᠯᠤᠭᠰᠡᠨ ᠪᠤᠶᠤ ᠡᠷᠡᠰᠳᠡᠭᠰᠡᠨ ᠬᠡᠷ ᠪᠦᠯᠢ ᠶᠢ ᠳᠤᠰᠠᠯᠠᠨ ᠳᠡᠤᠨᠬᠦᠬᠦ ᠪᠠᠷᠢᠮᠵᠢᠶ᠎ᠠ ᠶᠢ 100 ᠲᠦᠬᠦᠷᠢᠭ ᠳᠡᠬᠡᠭᠰᠢᠯᠡᠬᠦᠯᠵᠤ᠂ 375.48 | ᠲᠦᠮᠡᠨ ᠲᠦᠬᠦᠷᠢᠭ ᠦᠨᠳᠤᠷ ᠨᠠᠰᠤᠵᠢᠯ ᠤᠨ ᠨᠦᠬᠦᠪᠤᠷᠢ ᠳᠠᠯᠪᠢᠪᠠ᠃ 960 ᠵᠡᠮᠳᠡᠭᠴᠤᠤᠨ ᠲᠤ 285 ᠲᠦᠮᠡᠨ ᠲᠦᠬᠦᠷᠢᠭ ᠤᠨ ᠨᠦᠬᠦᠪᠤᠷᠢ ᠳᠠᠯᠪᠢᠵᠤ᠂ 100 | ᠡᠷᠤᠬᠡ ᠵᠡᠮᠳᠡᠭᠴᠤᠤᠨ ᠤᠨ ᠨᠤᠷᠠᠬᠤ ᠠᠶᠤᠯᠳᠠᠢ ᠬᠡᠷ ᠢ ᠰᠢᠨᠡᠤᠨᠬᠡᠪᠠ᠃ 7871 ᠮᠠᠯᠴᠢᠨ ᠳᠠᠷᠢᠶᠠᠴᠢᠨ ᠡᠷᠤᠬᠡ ᠳᠤ 472.26 ᠲᠦᠮᠡᠨ ᠲᠦᠬᠦᠷᠢᠭ ᠤᠨ | ᠳᠤᠯᠠᠭᠠᠯᠠᠮᠵᠢ ᠶᠢᠨ ᠨᠡᠬᠦᠷᠡᠰᠤᠨ ᠨᠦᠬᠦᠪᠤᠷᠢ ᠦᠭᠴᠤ᠂ 2014 ᠤᠨ ᠳᠤ ᠰᠤᠷᠭᠠᠭᠤᠯᠢ ᠳᠤ ᠰᠢᠨ᠎ᠠ ᠤᠷᠤᠭᠰᠡᠨ ᠳᠤᠤᠷ᠎ᠠ ᠪᠠᠳᠤᠯᠠᠭᠠᠳᠤ ᠬᠡᠷ ᠪᠦᠯᠢ ᠶᠢᠨ 105 | ᠨᠠᠷᠠ ᠶᠡᠭᠡ ᠰᠤᠷᠭᠠᠭᠤᠯᠢ ᠶᠢᠨ ᠵᠢᠩᠬᠢᠨᠢ ᠠᠩᠬᠢ ᠪᠠ ᠳᠤᠰᠬᠠᠢ ᠠᠩᠬᠢ ᠶᠢᠨ ᠰᠤᠷᠤᠭᠴᠢᠤᠨ ᠲᠤ ᠳᠤᠰᠪᠤᠷᠢ 4 ᠲᠦᠮᠡᠨ ᠲᠦᠬᠦᠷᠢᠭ ᠪᠠ 3 ᠲᠦᠮᠡᠨ ᠲᠦᠬᠦᠷᠢᠭ ᠤᠨ | ᠨᠦᠬᠦᠪᠤᠷᠢ ᠦᠭᠪᠠ᠃ 4781.4 ᠲᠦᠮᠡᠨ ᠲᠦᠬᠦᠷᠢᠭ ᠪᠡᠯᠡ ᠤᠷᠤᠭᠤᠯᠵᠤ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠤᠨᠬᠦᠨ᠂ 312 ᠰᠠᠭᠤᠷᠢ ᠳᠡᠵᠢᠬᠡᠨ | ᠦᠷᠡᠵᠢᠬᠦᠯᠬᠦ ᠬᠠᠰᠢᠶ᠎ᠠ ᠰᠠᠷᠠᠪᠴᠢ ᠪᠠᠶᠢᠭᠤᠯᠵᠤ᠂ 280 ᠨᠤᠷᠠᠬᠤ ᠠᠶᠤᠯᠳᠠᠢ ᠬᠡᠷ ᠪᠠᠶᠢᠰᠢᠩ ᠢ ᠰᠢᠨᠡᠤᠨᠬᠡᠨ᠂ 469 ᠡᠷᠤᠬᠡ 1606 ᠬᠦᠮᠤᠨ ᠢ ᠶᠡᠳᠠᠭᠤ ᠠᠴᠠ | ᠠᠩᠬᠢᠵᠢᠷᠠᠭᠤᠯᠪᠠ᠃ ᠤᠯᠵᠠᠴᠢ ᠶᠢᠨ ᠶᠡᠷᠤᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠠᠰᠢᠭᠯᠠᠯᠳᠠ ᠳᠤ ᠤᠷᠤᠪᠠ᠃ 1170 ᠲᠦᠬᠦᠷ ᠨᠠᠶᠢᠳᠠ ᠶᠢᠨ | ᠲᠦᠷᠢᠶᠡᠰᠤᠨ ᠬᠡᠷ ᠪᠠᠶᠢᠭᠤᠯᠵᠤ᠂ 532 ᠲᠦᠬᠦᠷ ᠪᠠᠶᠢᠭᠤᠯᠤᠭᠳᠠᠪᠠ᠃ ᠮᠠᠯ ᠪᠡᠯᠴᠢᠬᠡᠷᠯᠡᠬᠦᠯᠬᠦ ᠶᠢ ᠬᠤᠷᠢᠭᠯᠠᠨ ᠰᠡᠯᠬᠦᠨ ᠮᠠᠯᠵᠢᠬᠤ ᠵᠡᠷᠬᠡ 8 ᠲᠦᠷᠤᠯ ᠤᠨ 48 | ᠵᠦᠢᠯ ᠤᠨ ᠨᠦᠬᠦᠪᠤᠷᠢ ᠶᠢᠨ ᠪᠡᠯᠡ ᠮᠦᠩᠬᠦ ᠶᠢ 1.9 ᠳ᠋ᠦᠩᠰᠢᠭᠤᠷ ᠲᠦᠬᠦᠷᠢᠭ ᠳᠠᠯᠪᠢᠵᠤ᠂ ᠮᠠᠯᠴᠢᠨ ᠳᠠᠷᠢᠶᠠᠴᠢᠨ ᠡᠷᠤᠬᠡ ᠳᠤᠮᠳᠠᠴᠢ ᠶᠢᠨ ᠨᠢᠬᠡ ᠺᠠᠷᠲ ᠶᠢᠨ | ᠨᠦᠬᠦᠪᠤᠷᠢ 14960 ᠲᠦᠬᠦᠷᠢᠭ ᠬᠦᠷᠪᠠ᠃ | ︵ᠭᠤᠷᠪᠠ︶ ᠲᠦᠪᠯᠡᠷᠡᠩᠬᠦᠢ ᠬᠦᠭᠵᠢᠯᠳᠠ ᠶᠢᠨ ᠠᠯᠬᠤᠴᠠ ᠲᠦᠷᠬᠡᠤᠨᠪᠠ᠃ 3.44 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ ᠪᠠᠶᠢᠭᠤᠯᠵᠤ ᠪᠠᠶᠢᠭ᠎ᠠ | ᠪᠠᠷᠢᠯᠭ᠎ᠠ ᠶᠢ ᠳᠡᠬᠦᠯᠳᠡᠷᠵᠢᠬᠦᠯᠤᠨ᠂ ᠰᠤᠶᠤᠯ ᠤᠨ ᠠᠵᠤ ᠤᠶᠢᠯᠡᠰ ᠤᠨ ᠬᠦᠷᠢᠶᠡᠯᠡᠩ᠂ ᠠᠵᠢᠯ ᠮᠡᠷᠬᠡᠵᠢᠯ ᠤᠨ ᠬᠦᠷᠢᠶᠠᠯᠡᠩ᠂ ᠶᠢᠨ ᠰᠢᠦ ᠯᠢ ᠳ᠋ᠤᠤ ᠳᠤᠭᠤᠷᠢᠭ | ᠦᠨᠳᠤᠰᠤᠨ ᠳᠤ ᠪᠠᠨ ᠪᠠᠶᠢᠭᠤᠯᠤᠭᠳᠠᠵᠤ᠂ ᠰᠢᠨ᠎ᠠ ᠮᠠᠶ᠋ᠢᠭ ᠤᠨ ᠠᠶᠢᠯ ᠳᠤᠰᠬᠤᠨ ᠤ ᠤᠰᠤ ᠴᠠᠬᠢᠯᠭᠠᠨ ᠳᠤᠯᠠᠭᠠᠯᠠᠮᠵᠢ ᠬᠡᠢ ᠵᠡᠷᠬᠡ ᠰᠠᠭᠤᠷᠢ ᠲᠦᠬᠦᠬᠡᠷᠤᠮᠵᠢ ᠶᠢ | ᠪᠦᠬᠦ ᠳᠠᠯ᠎ᠠ ᠪᠠᠷ ᠳᠡᠬᠦᠯᠳᠡᠷᠵᠢᠬᠦᠯᠵᠤ᠂ ᠶᠡᠭᠡ ᠳᠤᠬᠤᠢ ᠰᠢᠨ᠎ᠠ ᠳᠤᠰᠬᠤᠨ ᠤ ᠳᠠᠷᠢᠶᠠᠴᠢᠤᠨ ᠵᠠᠯᠭᠠᠭ᠎ᠠ ᠪᠠᠷ ᠤᠷᠤᠨ ᠰᠠᠭᠤᠷᠢᠰᠢᠵᠤ᠂ ᠴᠤᠭᠯᠠᠭ᠎ᠠ ᠪᠠᠯᠭᠠᠰᠤ ᠶᠢᠨ | ᠴᠢᠳᠠᠪᠬᠢ ᠶᠢ ᠤᠯᠠᠮ ᠳᠡᠬᠡᠭᠰᠢᠯᠡᠬᠦᠯᠤᠨ᠂ ᠳᠤᠷᠰᠢᠯᠳᠠ ᠶᠢᠨ ᠴᠡᠭ ᠪᠠᠳᠤᠤᠨᠬᠠᠨ ᠳᠡᠬᠡᠭᠰᠢᠯᠡᠬᠦ ᠬᠤᠭᠤᠴᠠᠭᠠᠨ ᠳᠤ ᠤᠷᠤᠪᠠ᠃ ᠬᠡᠪ ᠴᠢᠨᠰᠠᠭᠠᠳᠤ ᠬᠤᠳᠠ ᠪᠠᠯᠭᠠᠰᠤᠨ | ᠤ ᠪᠠᠶᠢᠭᠤᠯᠤᠯᠳᠠ ᠢᠯᠡᠤᠨᠳᠠ ᠪᠦᠳᠤᠮᠵᠢ ᠤᠯᠵᠤ᠂ ᠵᠡᠬᠡᠯᠢ ᠶᠢᠨ ᠵᠠᠮ ᠭᠤᠳᠤᠮᠵᠢ᠂ ᠶᠡᠷᠤᠩᠬᠡᠶᠢᠯᠡᠭᠰᠡᠨ ᠳᠤᠤᠷ ᠬᠤᠭᠤᠯᠠᠢ᠂ ᠤᠷᠴᠢᠨ ᠳᠤᠭᠤᠷᠢᠨ ᠤ ᠡᠷᠡᠬᠦᠯ | ᠬᠠᠮᠠᠭᠠᠯᠠᠯ ᠤᠨ ᠲᠦᠬᠦᠬᠡᠷᠤᠮᠵᠢ ᠳᠠᠰᠤᠷᠠᠯᠳᠠ ᠦᠬᠡᠢ ᠳᠡᠬᠦᠯᠳᠡᠷᠵᠢᠵᠤ᠂ ᠬᠦᠮᠤᠨ ᠳᠤᠮᠳᠠᠴᠢ ᠶᠢᠨ ᠨᠤᠭᠤᠭᠠᠵᠢᠭᠤᠯᠤᠯᠳᠠ ᠶᠢᠨ ᠨᠤᠷᠮ᠎ᠠ ᠪᠦᠬᠦ ᠤᠷᠤᠨ ᠤ ᠳᠡᠷᠢᠬᠦᠨ ᠤ | ᠡᠩᠨᠡᠬᠡᠨ ᠳᠤ ᠤᠷᠤᠵᠤ᠂ ᠰᠠᠭᠤᠭᠠᠯᠢ ᠳᠤᠭᠤᠷᠢᠭ᠂ ᠰᠡᠯᠡᠬᠦᠴᠡᠯ ᠤᠷᠴᠢᠨ ᠪᠦᠬᠦ ᠳᠠᠯ᠎ᠠ ᠪᠠᠷ ᠰᠢᠯᠢᠳᠡᠭᠵᠢᠵᠤ᠂ ᠤᠯᠵᠠᠴᠢ᠂ ᠱᠠᠩᠬᠠᠢ ᠶᠢᠨ ᠰᠦᠮ᠎ᠠ ᠪᠠᠯᠭᠠᠰᠤ ︽ | ᠪᠦᠬᠦ ᠤᠯᠤᠰ ᠤᠨ ᠭᠤᠤᠯᠳᠠᠯᠭᠠᠳᠤ ᠪᠠᠯᠭᠠᠰᠤ︾ ᠪᠠᠷ ᠨᠡᠷᠡᠶᠢᠳᠦᠭᠳᠡᠪᠠ᠃ ︽ᠠᠷᠪᠠᠨ ᠪᠦᠬᠦ ᠪᠦᠷᠬᠦᠴᠠ︾ ᠢᠨᠵᠧᠨᠧᠷᠢᠩ ᠢ ᠡᠬᠢᠯᠡᠨ ᠬᠡᠷᠡᠭᠵᠢᠬᠦᠯᠵᠤ᠂ ᠴᠡᠭ ᠢᠶᠠᠷ | ᠳᠠᠶᠢᠴᠢᠯᠠᠬᠤ᠂ ᠱᠤᠭᠤᠮ ᠢᠶᠠᠷ ᠬᠤᠯᠪᠤᠬᠤ᠂ ᠳᠤᠭᠤᠷᠢᠭ ᠢ ᠪᠦᠷᠬᠦᠬᠦ ᠲᠦᠯᠤᠪᠯᠡᠬᠡᠨ ᠤ ᠰᠢᠰᠲ᠋ᠧᠮ ᠨᠢᠬᠡᠨᠳᠠ ᠪᠦᠷᠢᠯᠳᠤᠵᠤ᠂ 1.8 ᠳ᠋ᠦᠩᠰᠢᠭᠤᠷ ᠲᠦᠬᠦᠷᠢᠭ ᠪᠡᠯᠡ | ᠤᠷᠤᠭᠤᠯᠵᠤ᠂ 776 ᠡᠷᠤᠬᠡ ᠶᠢᠨ ᠨᠤᠷᠠᠬᠤ ᠠᠶᠤᠯᠳᠠᠢ ᠬᠠᠭᠤᠴᠢᠨ ᠬᠡᠷ᠂ 160 ᠡᠷᠤᠬᠡ ᠶᠢᠨ ᠡᠨᠧᠷᠬᠢ ᠠᠷᠪᠢᠯᠠᠬᠤ ᠤᠷᠤᠨ ᠰᠠᠭᠤᠴᠠ ᠶᠢ ᠵᠠᠰᠠᠨ | ᠰᠠᠶᠢᠵᠢᠷᠠᠭᠤᠯᠵᠤ᠂ ᠭᠠᠴᠠᠭ᠎ᠠ ᠳᠤᠰᠬᠤᠨ ᠤ 40.7 ᠺᠢᠯᠤᠮᠧᠲᠷ ᠵᠠᠬᠡᠯᠢ ᠭᠤᠳᠤᠮᠵᠢ ᠶᠢ ᠬᠠᠳᠠᠭᠤᠵᠢᠭᠤᠯᠤᠨ᠂ 6850 ᠡᠷᠤᠬᠡ ᠳᠤ ᠷᠠᠳᠢᠤ᠋ ᠲᠧᠯᠸᠢᠰ | ᠨᠡᠪᠳᠡᠷᠡᠬᠦᠯᠵᠤ᠂ ᠠᠳᠤᠭᠤᠨ ᠬᠤᠤᠨᠳᠤᠭ᠂ ᠠᠷᠠᠯᠠᠢ᠂ ᠦᠤᠳᠢ ᠵᠡᠷᠬᠡ ᠭᠠᠩ ᠬᠠᠭᠤᠷᠠᠢ ᠰᠢᠯᠢᠷᠬᠡᠭ ᠤᠷᠤᠨ ᠤ 2000 ᠬᠦᠮᠤᠨ ᠤ ᠤᠰᠤ ᠤᠮᠳᠠ ᠶᠢᠨ ᠬᠦᠴᠢᠷᠳᠡᠯ | ᠢ ᠰᠢᠢᠤᠨᠪᠤᠷᠢᠯᠡᠪᠠ᠃ ᠰᠢᠨ᠎ᠠ ᠪᠠᠷ ᠪᠤᠯᠠᠭ ᠠᠴᠠ ᠱᠠᠩᠬᠠᠢ ᠶᠢᠨ ᠰᠦᠮ᠎ᠠ ᠬᠦᠷᠬᠦ ᠵᠡᠷᠬᠡ 6 ᠵᠤᠷᠪᠤᠰ 168 ᠺᠢᠯᠤᠮᠧᠲᠷ ᠬᠦᠳᠡᠭᠡ ᠳᠤᠰᠬᠤᠨ ᠤ ᠵᠠᠰᠠᠮᠠᠯ ᠵᠠᠮ ᠵᠠᠰᠠᠵᠤ | ᠂ ᠭᠤᠤᠯᠳᠠᠯᠭᠠᠳᠤ ᠭᠠᠴᠠᠭ᠎ᠠ ᠳᠤᠰᠬᠤᠨ ᠤ ᠵᠠᠰᠠᠵᠤ ᠳᠠᠭᠤᠰᠤᠭᠠᠳᠤᠢ ᠵᠠᠮ᠂ ᠬᠤᠯᠪᠤᠬᠤ ᠵᠠᠮ ᠢ ᠵᠠᠰᠠᠨ ᠨᠡᠪᠳᠡᠷᠡᠬᠦᠯᠪᠠ︔ ᠰᠢᠨ᠎ᠠ ᠪᠠᠷ 280 ᠡᠷᠤᠬᠡ ᠳᠤ | ᠴᠠᠬᠢᠯᠭᠠᠨ ᠨᠡᠪᠳᠡᠷᠡᠬᠦᠯᠤᠨ᠂ 452 ᠺᠢᠯᠤᠮᠧᠲᠷ ᠳᠠᠷᠢᠶᠠᠯᠠᠩ ᠤᠨ ᠴᠠᠬᠢᠯᠭᠠᠨ ᠳᠠᠳᠠᠵᠤ᠂ ᠴᠠᠬᠢᠯᠭᠠᠨ ᠪᠠᠭᠳᠠᠭᠠᠮᠵᠢ ᠳᠤᠳᠠᠭᠳᠠᠵᠤ ᠪᠠᠶᠢᠭ᠎ᠠ ᠭᠠᠴᠠᠭ᠎ᠠ ᠳᠤᠰᠬᠤᠨ ᠤ | 130 ᠬᠦᠴᠤᠳᠠᠯ ᠦᠬᠡᠷᠡᠴᠢᠯᠡᠭᠴᠢ ᠶᠢ ᠦᠬᠡᠷᠡᠴᠢᠯᠡᠪᠠ᠃ ᠮᠠᠯ ᠳᠠᠷᠢᠶᠠᠯᠠᠩ ᠤᠨ ᠬᠡᠯᠪᠡᠷᠢ ᠶᠢ ᠬᠤᠪᠢᠷᠠᠭᠤᠯᠬᠤ ᠠᠯᠬᠤᠴᠠ ᠢᠯᠡᠤᠨᠳᠠ ᠲᠦᠷᠬᠡᠤᠨᠴᠤ᠂ ᠠᠷᠠᠯᠠᠢ᠂ | ᠳᠠᠷᠢᠶᠠᠨ ᠰᠢᠯᠢ᠂ ᠬᠠᠷᠠᠭᠠᠨᠠᠳᠤ ᠰᠢᠨ᠎ᠠ ᠬᠢᠯᠡᠰ ᠴᠡᠭ ᠪᠤᠯᠵᠤ᠂ ᠰᠢᠨ᠎ᠠ ᠪᠠᠷ 217 ᠡᠷᠤᠬᠡ ᠤᠳᠤ ᠦᠶ᠎ᠡ ᠶᠢᠨ ᠬᠡᠷ ᠪᠦᠯᠢ ᠶᠢᠨ ᠮᠠᠯᠵᠢᠯ ᠤᠨ ᠳᠠᠯᠠᠪᠤᠷ ᠢ | ᠪᠠᠶᠢᠭᠤᠯᠵᠤ᠂ ᠠᠷᠪᠢᠳᠠᠢ ᠤᠰᠤᠯᠠᠯᠳᠠ ᠶᠢᠨ ᠳᠠᠯᠠᠪᠠᠢ 1.61 ᠲᠦᠮᠡᠨ ᠮᠤ᠋᠂ ᠳᠠᠷᠢᠮᠠᠯ ᠤᠨ ᠶᠡᠷᠤᠩᠬᠡᠢ ᠳᠠᠯᠠᠪᠠᠢ 49 ᠲᠦᠮᠡᠨ ᠮᠤ᠋᠂ ᠪᠤᠷᠤᠯᠠᠭᠤᠯᠤᠭᠰᠡᠨ ᠮᠠᠯ 148 | ᠲᠦᠮᠡᠨ ᠳᠤᠯᠤᠭᠠᠢ᠂ ᠮᠠᠯ ᠳᠠᠷᠢᠶᠠᠯᠠᠩ ᠤᠨ ᠮᠠᠰᠢᠨᠴᠢᠯᠠᠯᠳᠠ ᠶᠢᠨ ᠨᠤᠷᠮ᠎ᠠ 80% ᠠᠴᠠ ᠳᠡᠬᠡᠭᠰᠢ ᠪᠤᠯᠪᠠ︔ ᠮᠠᠯ ᠳᠠᠷᠢᠶᠠᠯᠠᠩ ᠤᠨ ᠪᠦᠳᠤᠬᠡᠭᠳᠡᠬᠦᠨ | ᠪᠤᠯᠪᠠᠰᠤᠷᠠᠭᠤᠯᠬᠤ 3 ᠠᠵᠤ ᠠᠬᠤᠶᠢᠯᠡᠯ ᠢ ᠤᠷᠢᠨ ᠠᠪᠴᠢᠷᠠᠵᠤ᠂ ᠳᠠᠬᠢᠯᠳᠤ ᠶᠢᠨ ᠮᠠᠯ ᠠᠷᠠᠯᠵᠢᠶᠠᠯᠠᠬᠤ ᠵᠠᠬ᠎ᠠ ᠳᠡᠯᠬᠡᠬᠦᠷ ᠤᠨ ᠴᠢᠳᠠᠪᠬᠢ ᠳᠠᠰᠤᠷᠠᠯᠳᠠ ᠦᠬᠡᠢ | ᠳᠡᠬᠦᠯᠳᠡᠷᠵᠢᠵᠤ᠂ ᠤᠷᠭᠠᠨᠢᠭ ᠪᠡᠯᠴᠢᠬᠡᠷ 700 ᠲᠦᠮᠡᠨ ᠮᠤ᠋ ᠬᠦᠷᠪᠠ᠃ | ︵ᠲᠦᠷᠪᠠ︶ ᠭᠤᠷᠪᠠᠳᠤᠭᠠᠷ ᠠᠵᠤ ᠥᠢᠯᠡᠰ ᠤᠨ ᠠᠮᠢᠳᠤᠯᠢᠭ ᠬᠦᠴᠤᠨ ᠢᠯᠡᠤᠨᠪᠠ᠃ ᠢᠷᠭᠠᠢ ᠶᠢᠨ ᠵᠢᠭᠤᠯᠴᠢᠯᠠᠯ ᠳᠤ ᠰᠠᠨᠠᠭᠠᠴᠢᠯᠠᠭᠠᠳᠠᠢ ᠠᠭᠤᠰᠴᠤ᠂ ᠦᠪᠤᠷ | ᠮᠤᠩᠭᠤᠯ ᠤᠨ ᠳ᠋ᠦᠩ ᠯᠢᠶᠠᠨ ᠺᠤᠮᠫᠠᠨᠢ ᠪᠠ ᠤᠷᠳᠤᠰ ᠬᠤᠳᠠ ᠶᠢᠨ ᠶᠢᠨ ᠱᠦᠢ ᠶᠤᠸᠠᠨ ᠺᠤᠮᠫᠠᠨᠢ ᠶᠢᠨ ᠬᠠᠮᠳᠤᠷᠠᠯᠴᠠᠭ᠎ᠠ ᠶᠢ ᠠᠬᠢᠭᠤᠯᠵᠤ᠂ ᠱᠠᠩᠬᠠᠢ ᠶᠢᠨ ᠰᠦᠮ᠎ᠠ | ᠶᠢᠨ ᠵᠢᠭᠤᠯᠴᠢᠯᠠᠯ ᠤᠨ ᠨᠡᠬᠡᠬᠡᠯᠳᠠ ᠶᠢᠨ ᠬᠢᠵᠠᠭᠠᠷᠳᠤ ᠺᠤᠮᠫᠠᠨᠢ ᠶᠢ ᠪᠠᠶᠢᠭᠤᠯᠵᠤ᠂ ︽ᠨᠠᠷᠬᠢᠶᠠᠨᠳᠤ ᠳᠠᠯ᠎ᠠ ᠨᠤᠳᠤᠭ︾ ᠢ ᠪᠢᠨ ᠾᠧ ᠰᠢᠨ᠎ᠠ ᠳᠤᠭᠤᠷᠢᠭ ᠤᠨ ᠪᠦᠬᠦ | ᠴᠠᠷᠭ᠎ᠠ ᠶᠢᠨ 5A ᠭᠤᠤᠯᠳᠠᠯᠭᠠᠳᠤ ᠵᠢᠭᠤᠯᠴᠢᠯᠠᠯ ᠤᠨ ᠦᠵᠡᠮᠵᠢ ᠶᠢᠨ ᠤᠷᠤᠨ ᠳᠤ ᠪᠠᠭᠳᠠᠭᠠᠵᠤ᠂ ᠨᠠᠶᠢᠳᠠ 10 ᠲᠦᠮᠡᠨ ᠵᠢᠭᠤᠯᠴᠢᠯᠠᠭᠴᠢᠤᠨ ᠢ ᠬᠦᠯᠢᠶᠡᠨ | ᠵᠤᠴᠢᠯᠠᠪᠠ᠃ ︽ᠦᠪᠡᠷᠳᠡᠬᠡᠨ ᠵᠠᠰᠠᠬᠤ ᠤᠷᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠪᠦᠬᠡ ᠶᠢᠨ ᠤᠷᠤᠯᠳᠤᠭᠠᠨ︾᠂ ᠶᠡᠭᠡ ᠳᠤᠯᠤᠨ ᠤ ᠠᠩᠬᠠᠳᠠᠭᠴᠢ | ᠬᠤᠭᠤᠴᠠᠭᠠᠨ ᠤ ᠠᠳᠤᠭᠤᠨ ᠰᠤᠶᠤᠯ ᠤᠨ ᠤᠷᠠᠯᠢᠭ ᠤᠨ ᠨᠠᠶᠢᠷ᠂ ︽ᠵᠢᠭᠤᠯᠴᠢᠯᠠᠯ ᠤᠨ ᠦᠵᠡᠮᠵᠢ ᠶᠢᠨ ᠵᠠᠮ᠂ ᠦᠵᠡᠰᠬᠦᠯᠡᠩᠳᠤ ᠰᠠᠶᠢᠬᠠᠨ ᠤᠳᠤᠭ ᠤᠨ ᠡᠮᠤᠨᠡᠳᠤ | ᠬᠤᠰᠢᠭᠤ︾ ᠶᠡᠭᠡ ᠳᠤᠯᠤᠨ ᠬᠤᠨᠳᠠᠭᠠᠳᠤ ᠬᠡᠷᠡᠯ ᠵᠢᠷᠤᠭ ᠤᠨ ᠦᠵᠡᠬᠦᠯᠬᠡ᠂ ᠴᠠᠬᠢᠷᠮ᠎ᠠ ᠴᠡᠴᠡᠭ ᠤᠨ ᠰᠡᠬᠦᠳᠡᠷ ᠤᠷᠠᠯᠢᠭ ᠤᠨ ᠨᠠᠶᠢᠷ ᠵᠡᠷᠬᠡ ᠴᠢᠬᠤᠯᠠ ᠪᠠᠶᠠᠷ | ᠳᠤᠷᠠᠰᠬᠠᠯ ᠤᠨ ᠠᠵᠢᠯᠯᠠᠭ᠎ᠠ ᠦᠷᠨᠢᠬᠦᠯᠵᠤ᠂ ᠰᠤᠶᠤᠯ ᠵᠢᠭᠤᠯᠴᠢᠯᠠᠯ ᠤᠨ ᠤᠶᠢᠯᠡᠰ ᠢ ᠵᠦᠷᠢᠶᠡᠰᠢᠬᠦᠯᠵᠤ᠂ ᠠᠭᠤᠯᠤᠮᠵᠢᠳᠤ ᠬᠦᠭᠵᠢᠯᠳᠠ ᠶᠢ ᠠᠬᠢᠭᠤᠯᠤᠨ᠂ ᠮᠠᠨ ᠤ | ᠬᠤᠰᠢᠭᠤ ︽ᠳᠤᠮᠳᠠᠳᠤ ᠤᠯᠤᠰ ᠤᠨ ᠤᠷᠳᠤᠰ ᠪᠦᠬᠡ ᠶᠢᠨ ᠨᠤᠳᠤᠭ︾ ᠢᠶᠠᠷ ᠨᠡᠷᠡᠶᠢᠳᠦᠭᠳᠡᠵᠤ᠂ ᠪᠤᠷᠤᠪᠠᠯᠭᠠᠰᠤ᠂ ᠱᠠᠩᠬᠠᠢ ᠶᠢᠨ ᠰᠦᠮ᠎ᠠ ᠪᠠᠯᠭᠠᠰᠤ ᠦᠪᠡᠷᠳᠡᠬᠡᠨ | ᠵᠰᠠᠬᠠᠤ ᠤᠷᠤᠨ ᠤ ︽ᠠᠩᠬᠠᠳᠠᠭᠴᠢ ᠦᠪᠡᠷᠮᠢᠴᠠ ᠰᠤᠶᠤᠯ ᠵᠢᠭᠤᠯᠴᠢᠯᠠᠯ ᠤᠨ ᠨᠡᠷᠡᠳᠤ ᠪᠠᠯᠭᠠᠰᠤ︾ ᠶᠢᠨ ᠨᠡᠷᠡᠶᠢᠳᠤᠯ ᠢ ᠤᠯᠤᠨ᠂ ᠶᠡᠭᠡ ᠳᠤᠬᠤᠢ ᠳᠤᠰᠬᠤᠨ ︽ | ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠦᠪᠡᠷᠮᠢᠴᠠ ᠰᠤᠶᠤᠯ ᠵᠢᠭᠤᠯᠴᠢᠯᠠᠯ ᠤᠨ ᠨᠡᠷᠡᠳᠤ ᠳᠤᠰᠬᠤᠨ︾᠂ ︽ᠪᠦᠬᠦ ᠤᠯᠤᠰ ᠤᠨ ᠤᠯᠠᠮᠵᠢᠯᠠᠯᠳᠤ ᠰᠤᠶᠤᠯ | ᠤᠨ ᠳᠤᠰᠬᠤᠨ ᠤ ᠬᠠᠮᠠᠭᠠᠯᠠᠯᠳᠠ ᠶᠢᠨ ᠴᠠᠳᠢᠭ︾ ᠲᠤ ᠤᠷᠤᠪᠠ᠃ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠤᠯᠠᠨ ᠡᠰᠢᠵᠢᠯ ᠢᠶᠠᠷ ᠬᠦᠭᠵᠢᠵᠤ᠂ ᠡᠯ᠎ᠡ | ᠲᠦᠷᠤᠯ ᠤᠨ ᠵᠠᠬ᠎ᠠ ᠳᠡᠯᠬᠡᠬᠦᠷ ᠤᠨ ᠭᠤᠤᠯ ᠴᠤᠭᠴᠠ ᠰᠢᠨ᠎ᠠ ᠪᠠᠷ 1215 ᠡᠷᠤᠬᠡ ᠨᠡᠮᠡᠭᠳᠡᠵᠤ᠂ ᠳᠠᠩᠰᠠᠯᠠᠭᠰᠡᠨ ᠪᠡᠯᠡ ᠮᠦᠩᠬᠦ ᠨᠠᠶᠢᠳᠠ 5.54 ᠳ᠋ᠦᠩᠰᠢᠭᠤᠷ | ᠲᠦᠬᠦᠷᠢᠭ ᠬᠦᠷᠴᠤ᠂ ᠲᠦᠷᠬᠡᠨ ᠬᠦᠷᠬᠡᠬᠦ ᠬᠦᠢᠯᠬᠡᠬᠡ᠂ ᠡᠯᠧᠺᠲᠷᠤᠨ ᠬᠤᠳᠠᠯᠳᠤᠭ᠎ᠠ ᠠᠷᠠᠤᠨ ᠤᠯᠠᠨ ᠤ ᠬᠡᠷᠡᠭᠯᠡᠬᠡᠨ ᠤ ᠰᠢᠨ᠎ᠠ ᠪᠠᠶᠢᠳᠠᠯ ᠪᠤᠯᠵᠤ᠂ ᠮᠦᠩᠬᠦᠨ | ᠬᠦᠢᠯᠬᠡᠬᠡᠨ ᠤ ᠪᠠᠶᠢᠭᠤᠯᠤᠮᠵᠢ 2013 ᠤᠨ ᠳᠤ 11 ᠪᠠᠶᠢᠭᠰᠡᠨ ᠠᠴᠠ ᠨᠡᠮᠡᠭᠳᠡᠬᠡᠤᠨ 15 ᠪᠤᠯᠵᠤ᠂ ᠭᠠᠴᠠᠭ᠎ᠠ ᠳᠤᠰᠬᠤᠨ ᠤ ᠮᠠᠯ ᠳᠠᠷᠢᠶᠠᠯᠠᠩ ᠢ ᠳᠡᠮᠵᠢᠬᠦ | ᠮᠦᠩᠬᠦᠨ ᠬᠦᠢᠯᠬᠡᠬᠡᠨ ᠤ ᠤᠶᠢᠯᠡᠴᠢᠯᠡᠬᠡᠨ ᠤ ᠴᠡᠭ ᠢ 32 ᠳᠤᠬᠢᠷᠠᠭᠤᠯᠵᠤ᠂ ᠬᠠᠳᠠᠭᠠᠯᠠᠵᠤ ᠵᠢᠬᠡᠯᠡᠭᠰᠡᠨ ᠵᠤᠭᠤᠰ ᠤᠨ ᠦᠯᠡᠳᠡᠪᠤᠷᠢ ᠦᠷᠳᠡᠭ ᠳᠤᠰᠪᠤᠷᠢ 34.27 | ᠳ᠋ᠦᠩᠰᠢᠭᠤᠷ ᠲᠦᠬᠦᠷᠢᠭ ᠪᠠ 29.8 ᠳ᠋ᠦᠩᠰᠢᠭᠤᠷ ᠲᠦᠬᠦᠷᠢᠭ ᠲᠤ ᠬᠦᠷᠴᠤ᠂ ᠮᠠᠯ ᠳᠠᠷᠢᠶᠠᠯᠠᠩ ᠢ ᠳᠡᠤᠨᠬᠦᠨ ᠬᠠᠷᠠᠭᠠᠯᠵᠠᠬᠤ ᠡᠯ᠎ᠡ ᠲᠦᠷᠤᠯ ᠤᠨ ᠵᠢᠬᠡᠯᠡᠯᠬᠡ ᠶᠢ 3. | 5 ᠳ᠋ᠦᠩᠰᠢᠭᠤᠷ ᠲᠦᠬᠦᠷᠢᠭ ᠳᠠᠯᠪᠢᠵᠤ᠂ ᠮᠦᠩᠬᠦᠨ ᠬᠦᠢᠯᠬᠡᠬᠡᠨ ᠤ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠠ ᠶᠢ ᠳᠡᠮᠵᠢᠬᠦ ᠴᠢᠳᠠᠪᠬᠢ ᠢᠯᠡᠤᠨᠳᠠ | ᠴᠢᠩᠭᠠᠤᠨᠪᠠ᠃ | ︵ᠳᠠᠪᠤ︶ ᠰᠠᠭᠤᠷᠢ ᠤᠷᠴᠢᠨ ᠳᠠᠰᠤᠷᠠᠯᠳᠠ ᠦᠬᠡᠢ ᠰᠠᠶᠢᠵᠢᠷᠠᠪᠠ᠃ ᠳᠡᠮᠤᠷ ᠵᠠᠮ᠂ ᠵᠠᠰᠠᠮᠠᠯ ᠵᠠᠮ᠂ ᠨᠢᠰᠬᠡᠯ ᠤᠨ ᠪᠠᠭᠤᠳᠠᠯ᠂ ᠴᠠᠬᠢᠯᠭᠠᠨ ᠬᠦᠴᠤ ᠵᠡᠷᠬᠡ ᠪᠦᠬᠦ | ᠳᠠᠯ᠎ᠠ ᠶᠢᠨ ᠴᠢᠨᠠᠷᠳᠠᠢ 7 ᠵᠦᠢᠯ ᠤᠨ ᠴᠢᠬᠤᠯᠠ ᠰᠠᠭᠤᠷᠢ ᠲᠦᠬᠦᠬᠡᠷᠤᠮᠵᠢ ᠶᠢ ᠲᠦᠯᠤᠪᠯᠡᠬᠡᠳᠠᠢ ᠠᠬᠢᠭᠤᠯᠵᠤ᠂ ᠶᠡᠷᠤᠩᠬᠡᠢ ᠪᠡᠯᠡ ᠤᠷᠤᠭᠤᠯᠤᠯᠳᠠ 76.78 | ᠳ᠋ᠦᠩᠰᠢᠭᠤᠷ ᠲᠦᠬᠦᠷᠢᠭ ᠬᠦᠷᠴᠤ᠂ ᠳᠤᠯᠢ ᠠᠴᠠ ᠱᠠᠩᠬᠠᠢ ᠶᠢᠨ ᠰᠦᠮ᠎ᠡ ᠬᠦᠷᠬᠦ ᠳᠡᠮᠤᠷ ᠵᠠᠮ ᠢ ᠡᠬᠢᠯᠡᠨ ᠪᠠᠶᠢᠭᠤᠯᠵᠤ᠂ ᠶᠠᠰᠢᠯ ᠮᠤᠳᠤ 110 ᠺᠢᠯᠤᠸᠤᠯᠲ | ᠴᠠᠬᠢᠯᠭᠠᠨ ᠬᠤᠪᠢᠰᠬᠠᠬᠤ ᠦᠷᠳᠡᠭᠡ᠂ ᠪᠤᠯᠠᠭ 35 ᠺᠢᠯᠤᠸᠤᠯᠲ ᠴᠠᠬᠢᠯᠭᠠᠨ ᠬᠤᠪᠢᠰᠬᠠᠨ ᠳᠠᠮᠵᠢᠭᠤᠯᠬᠤ ᠢᠨᠵᠧᠨᠧᠷᠢᠩ ᠢ ᠪᠠᠶᠢᠭᠤᠯᠤᠨ ᠬᠡᠷᠡᠭᠯᠡᠯᠳᠠ ᠳᠤ ᠤᠷᠤᠭᠤᠯᠵᠤ | ᠂ S216 ᠱᠤᠭᠤᠮ ᠤᠨ ᠭᠤᠤᠯ ᠱᠤᠭᠤᠮ ᠢ ᠵᠠᠰᠠᠵᠤ᠂ ᠤᠯᠵᠠᠴᠢ ᠠᠴᠠ ᠳ᠋ᠦᠩ ᠳ᠋ᠤᠤ ᠯᠢᠶᠠᠩ ᠬᠦᠷᠬᠦ ᠲᠦᠷᠬᠡᠨ ᠵᠠᠮ ᠢ ᠦᠪᠡᠷᠳᠡᠬᠡᠨ ᠵᠠᠰᠠᠬᠤ ᠤᠷᠤᠨ ᠠᠴᠠ ︽ | ᠨᠢᠬᠡᠳᠤᠯᠳᠠᠢ ᠵᠢᠬᠡᠯᠡᠨ ᠬᠤᠪᠢᠶᠠᠨ ᠬᠤᠯᠠᠬᠤ︾ ᠵᠠᠭᠪᠤᠷ ᠢᠶᠠᠷ ᠪᠠᠶᠢᠭᠤᠯᠬᠤ ᠶᠢ ᠵᠦᠪᠰᠢᠶᠡᠷᠡᠵᠤ᠂ ᠱᠠᠩᠬᠠᠢ ᠶᠢᠨ ᠰᠦᠮ᠎ᠠ ᠠᠴᠠ ᠦᠵᠤᠬᠦᠷ ᠪᠠᠯᠭᠠᠰᠤ ᠬᠦᠷᠬᠦ | ᠨᠢᠬᠡᠳᠤᠬᠡᠷ ᠳᠡᠰ ᠤᠨ ᠵᠠᠰᠠᠮᠠᠯ ᠵᠠᠮ ᠤᠨ ᠪᠤᠯᠠᠭ ᠳᠤᠰᠬᠤᠨ ᠠᠴᠠ ᠰᠢᠨ᠎ᠠ ᠱᠠᠩᠬᠠᠢ ᠶᠢᠨ ᠰᠦᠮ᠎ᠠ ᠶᠢ ᠳᠠᠭᠠᠷᠢᠨ ᠳ᠋ᠠ ᠭᠧᠦ ᠵᠢᠩ ᠬᠦᠷᠬᠦ ᠬᠡᠰᠡᠭ ᠨᠢ ᠬᠤᠳᠠ ᠶᠢᠨ | ᠬᠦᠭᠵᠢᠬᠦᠯᠤᠯᠳᠠ ᠦᠬᠡᠷᠡᠴᠢᠯᠠᠯᠳᠠ ᠶᠢᠨ ᠵᠦᠪᠯᠡᠯ ᠤᠨ ᠵᠦᠪᠰᠢᠶᠡᠷᠡᠯ ᠢ ᠤᠯᠵᠤ᠂ ᠱᠠᠩᠬᠠᠢ ᠶᠢᠨ ᠰᠦᠮ᠎ᠠ ᠶᠢᠨ ᠠᠮᠢᠳᠤᠷᠠᠯ ᠤᠨ ᠳᠤᠭᠤᠷᠢᠭ ᠪᠠ ᠢᠷᠭᠠᠢ ᠶᠢᠨ ᠪᠢᠨ | ᠾᠧ ᠰᠢᠨ᠎ᠠ ᠳᠤᠭᠤᠷᠢᠭ ᠤᠨ ᠵᠠᠯᠭᠠᠯᠳᠠ ᠤᠨ ᠡᠮᠤᠨᠡᠬᠢ ᠬᠤᠭᠤᠴᠠᠭᠠᠨ ᠤ ᠠᠵᠢᠯ ᠢ ᠡᠬᠢᠯᠡᠬᠦᠯᠵᠤ᠂ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ | ᠮᠡᠳᠡᠬᠦᠯᠤᠯᠳᠠ ᠶᠢᠨ ᠠᠵᠢᠯ ᠢ ᠪᠡᠶᠡᠯᠡᠬᠦᠯᠪᠠ᠃ ᠠᠮᠢ ᠠᠬᠤᠢ ᠶᠢᠨ ᠲᠦᠭᠰᠢᠬᠦᠷᠢ ᠶᠢᠨ ᠤᠬᠠᠮᠰᠠᠷ ᠢ ᠪᠤᠢ ᠪᠤᠯᠭᠠᠵᠤ᠂ ᠪᠡᠯᠴᠢᠬᠡᠷᠯᠡᠬᠦᠯᠬᠦ ᠶᠢ ᠬᠤᠷᠢᠭᠯᠠᠬᠤ᠂ ᠰᠡᠯᠬᠦᠨ | ᠮᠠᠯᠵᠢᠬᠤ᠂ ᠪᠡᠯᠴᠢᠬᠡᠷ ᠤᠨ ᠪᠠᠭᠳᠠᠭᠠᠮᠵᠢ ᠪᠠᠷ ᠮᠠᠯ ᠤᠨ ᠳᠤᠭ᠎ᠠ ᠳᠤᠭᠳᠠᠭᠠᠬᠤ ᠲᠦᠷᠤ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠤᠶᠤᠨᠴᠢ ᠪᠡᠯᠴᠢᠬᠡᠷ ᠤᠨ | ᠬᠠᠮᠢᠶᠠᠷᠤᠯᠳᠠ ᠶᠢᠨ ᠰᠢᠰᠲ᠋ᠧᠮ ᠢ ᠪᠦᠬᠦ ᠤᠷᠤᠨ ᠳᠤ ᠳᠡᠷᠢᠬᠦᠯᠡᠨ ᠳᠡᠯᠬᠡᠷᠡᠬᠦᠯᠤᠨ ᠬᠡᠷᠡᠭᠵᠢᠬᠦᠯᠵᠤ᠂ 13 ᠲᠦᠮᠡᠨ ᠮᠤ᠋ ᠠᠮᠢ ᠠᠬᠤᠢ ᠶᠢᠨ ᠲᠦᠷᠤᠯ ᠵᠦᠢᠯ ᠢ | ᠬᠡᠷᠡᠭᠵᠢᠬᠦᠯᠵᠤ᠂ 5.02 ᠲᠦᠮᠡᠨ ᠮᠤ᠋ ᠭᠤᠤᠯᠳᠠᠯᠭᠠᠳᠤ ᠬᠦᠷᠢᠶ᠎ᠡ ᠬᠡᠪᠴᠢᠶ᠎ᠠ ᠶᠢ ᠨᠤᠭᠤᠭᠠᠵᠢᠭᠤᠯᠪᠠ︔ ᠬᠦᠭᠵᠢᠯᠳᠠ᠂ ᠠᠮᠢ ᠠᠬᠤᠢ ᠪᠠ ᠤᠰᠤᠨ ᠡᠬᠢ ᠰᠤᠷᠪᠤᠯᠵᠢ | ᠶᠢᠨ ᠳᠡᠩᠴᠡᠬᠦᠷᠢᠰᠢᠯᠳᠠ ᠶᠢ ᠴᠢᠬᠤᠯᠠᠴᠢᠯᠠᠵᠤ᠂ ᠮᠠᠯ ᠳᠠᠷᠢᠶᠠᠯᠠᠩ ᠤᠨ ᠬᠦᠭᠵᠢᠯᠳᠠ ᠶᠢᠨ ᠲᠦᠯᠤᠪᠯᠡᠭᠡ ᠶᠢ ᠳᠤᠭᠳᠠᠭᠠᠵᠤ᠂ ᠤᠰᠤᠨ ᠡᠬᠢ ᠰᠤᠷᠪᠤᠯᠵᠢ ᠶᠢᠨ | ᠠᠰᠢᠭᠯᠠᠯᠳᠠ ᠨᠦᠬᠦᠪᠤᠷᠢᠯᠡᠯᠳᠠ ᠶᠢ ᠳᠡᠩᠴᠡᠬᠦᠷᠢᠰᠢᠬᠦᠯᠬᠦ ᠳᠤᠷᠰᠢᠯᠳᠠ ᠶᠢᠨ ᠴᠡᠭ ᠢ ᠡᠬᠢᠯᠡᠬᠦᠯᠵᠤ᠂ ᠶᠡᠭᠡ ᠪᠠᠷ ᠠᠳᠠᠷ ᠬᠠᠭᠠᠯᠪᠤᠷᠢᠯᠠᠬᠤ ᠶᠢ ᠡᠷᠡᠰ ᠬᠤᠷᠢᠭᠯᠠᠵᠤ᠂ | ᠠᠮᠢ ᠠᠬᠤᠢ ᠶᠢᠨ ᠤᠷᠴᠢᠨ ᠢ ᠦᠷᠬᠦᠯᠵᠢᠯᠠᠨ ᠪᠠᠳᠤᠤᠨᠬᠠᠪᠠ᠃ | ︵ᠵᠢᠷᠭᠤᠭ᠎ᠠ︶ ᠨᠠᠶᠢᠬᠡᠮ ᠤᠨ ᠤᠶᠢᠯᠡᠰ ᠪᠦᠬᠦ ᠳᠠᠯ᠎ᠠ ᠪᠠᠷ ᠬᠦᠭᠵᠢᠪᠠ᠃ ᠪᠤᠷᠤᠪᠠᠯᠭᠠᠰᠤ ᠪᠠᠭ᠎ᠠ ᠰᠤᠷᠭᠠᠭᠤᠯᠢ᠂ ᠳᠠᠬᠢᠯᠳᠤ ᠪᠠ ᠰᠤᠷᠭᠠᠨ ᠬᠦᠮᠤᠵᠢᠯ ᠤᠨ | ᠬᠡᠤᠬᠡᠤᠨ ᠤᠨ ᠴᠡᠴᠡᠷᠯᠢᠭ ᠢ ᠪᠠᠶᠢᠭᠤᠯᠤᠨ ᠬᠡᠷᠡᠭᠯᠡᠵᠤ᠂ 18 ᠰᠢᠯᠢᠳᠡᠭ ᠵᠠᠯᠠᠭᠤ ᠪᠠᠭᠰᠢ ᠪᠠ ᠳᠤᠷᠰᠢᠯᠭ᠎ᠠ ᠬᠤᠷᠠᠮᠳᠤᠭᠤᠯᠭ᠎ᠠ ᠲᠠᠢ ᠪᠠᠭᠰᠢ ᠤᠷᠢᠨ ᠠᠪᠴᠢᠷᠠᠵᠤ᠂ | ᠵᠠᠬᠢᠷᠤᠯ ᠢ ᠬᠢᠨᠠᠨ ᠰᠢᠯᠭᠠᠵᠤ ᠦᠷᠢᠰᠤᠯᠳᠤᠬᠦᠯᠬᠦ ᠲᠦᠷᠢᠮ ᠢ ᠬᠡᠷᠡᠭᠵᠢᠬᠦᠯᠵᠤ᠂ ᠦᠨᠳᠤᠰᠤᠳᠠᠨ ᠤ ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ ︽ᠪᠦᠬᠦ ᠤᠯᠤᠰ | ᠤᠨ ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ ᠳᠡᠷᠢᠬᠦᠨ ᠤ ᠬᠠᠮᠳᠤ ᠨᠢᠬᠡᠴᠢ︾ ᠪᠠᠷ ᠦᠨᠡᠯᠡᠭᠳᠡᠪᠠ᠃ ︽ᠡᠷᠡᠬᠦᠯ ᠡᠩᠬᠡ ᠤᠳᠤᠭ ᠤᠨ ᠡᠮᠤᠨᠡᠳᠤ ᠬᠤᠰᠢᠭᠤ︾ | ᠶᠢᠨ ᠪᠠᠶᠢᠭᠤᠯᠤᠯᠳᠠ ᠢᠯᠡᠤᠨᠳᠠ ᠪᠦᠳᠤᠮᠵᠢ ᠤᠯᠵᠤ᠂ ᠡᠮ ᠡᠮᠴᠢᠯᠡᠬᠡᠨ ᠤ ᠪᠠᠶᠢᠭᠤᠯᠤᠮᠵᠢ ᠳᠤ 3620 ᠲᠦᠮᠡᠨ ᠲᠦᠬᠦᠷᠢᠭ ᠤᠨ ᠲᠦᠬᠦᠬᠡᠷᠤᠮᠵᠢ ᠤᠷᠤᠭᠤᠯᠵᠤ᠂ | ᠬᠤᠰᠢᠭᠤᠨ ᠤ ᠮᠤᠩᠭᠤᠯ ᠡᠮᠨᠡᠯᠬᠡ ᠶᠢᠨ ᠬᠤᠷᠢᠶ᠎ᠠ ᠤᠯᠤᠰ ᠤᠨ ᠬᠤᠶᠠᠳᠤᠭᠠᠷ ᠳᠡᠰ ᠤᠨ ᠬᠦᠬᠡ ᠵᠡᠷᠬᠡ ᠶᠢᠨ ᠮᠤᠩᠭᠤᠯ ᠡᠮᠴᠢᠯᠡᠭᠡ ᠶᠢᠨ ᠬᠤᠷᠰᠢᠭᠰᠡᠨ ᠡᠮᠨᠡᠯᠬᠡ ᠶᠢᠨ | ᠬᠤᠷᠢᠶ᠎ᠠ ᠪᠤᠯᠤᠨ ᠳᠡᠰ ᠳᠡᠪᠰᠢᠵᠤ᠂ ᠬᠤᠰᠢᠭᠤᠨ ᠤ ᠡᠮᠨᠡᠯᠬᠡ ᠶᠢᠨ ᠬᠤᠷᠢᠶ᠎ᠠ ᠤᠯᠤᠰ ᠤᠨ ᠬᠤᠶᠠᠳᠤᠭᠠᠷ ᠳᠡᠰ ᠤᠨ ᠬᠦᠬᠡᠭᠴᠢᠨ ᠵᠡᠷᠬᠡ ᠶᠢᠨ ᠶᠡᠷᠤᠩᠬᠡᠶᠢᠯᠡᠭᠰᠡᠨ | ᠡᠮᠨᠡᠯᠬᠡ ᠶᠢᠨ ᠬᠤᠷᠢᠶ᠎ᠠ ᠪᠤᠯᠤᠨ ᠳᠡᠰ ᠳᠡᠪᠰᠢᠪᠠ᠃ ᠮᠠᠨ ᠤ ᠬᠤᠰᠢᠭᠤ ︽ᠤᠯᠤᠰ ᠤᠨ ᠡᠷᠡᠬᠦᠯ ᠬᠠᠮᠠᠭᠠᠯᠠᠯ ᠤᠨ ᠰᠢᠶᠠᠨ ᠤ ᠬᠤᠳᠠ︾ ᠪᠠᠷ ᠨᠠᠷᠡᠶᠢᠳᠦᠭᠳᠠᠪᠠ᠃ | ᠰᠤᠶᠤᠯ ᠤᠨ ᠤᠶᠢᠯᠡᠰ ᠡᠷᠡᠬᠦᠯ ᠢᠶᠠᠷ ᠬᠦᠭᠵᠢᠵᠤ᠂ ᠶᠠᠨ ᠠᠨ ᠤ ᠦᠨᠳᠤᠰᠤᠳᠠᠨ ᠤ ᠳᠡᠬᠡᠳᠤ ᠰᠤᠷᠭᠠᠭᠤᠯᠢ ᠶᠢᠨ ᠪᠤᠷᠤᠪᠠᠯᠭᠠᠰᠤᠨ ᠳᠠᠬᠢ ᠳᠤᠷᠠᠰᠬᠠᠯ ᠤᠨ ᠤᠷᠳᠤᠨ | ᠪᠠᠶᠢᠭᠤᠯᠤᠭᠳᠠᠵᠤ᠂ ︽ᠭᠤᠷᠪᠠᠨ ᠮᠢᠩᠭᠠᠳᠤ︾ ᠶᠢᠨ ᠪᠦᠯᠬᠦᠮ ᠢ ᠪᠦᠷᠢᠯᠳᠤᠬᠦᠯᠵᠤ᠂ ᠪᠦᠬᠦ ᠤᠷᠤᠨ ᠤ ᠠᠩᠬᠠᠳᠠᠭᠴᠢ ᠱᠤᠳᠤᠷᠭᠤ ᠬᠦᠭᠵᠢᠮ ᠤᠨ ᠤᠷᠤᠯᠳᠤᠭᠠᠨ ᠢ | ᠤᠷᠤᠭᠰᠢᠳᠠᠢ ᠡᠷᠬᠢᠯᠡᠵᠤ᠂ ᠨᠤᠮ ᠤᠨ ᠰᠠᠩ᠂ ᠰᠤᠶᠤᠯ ᠤᠨ ᠤᠷᠳᠤᠨ᠂ ᠮᠦᠽᠸᠢ ᠶᠢ ᠪᠠᠶᠢᠭᠤᠯᠵᠤ᠂ ᠪᠦᠬᠦ ᠠᠷᠠᠤᠨ ᠤᠨ ᠪᠡᠶ᠎ᠡ ᠴᠢᠬᠢᠷᠠᠭᠵᠢᠭᠤᠯᠬᠤ ᠲᠦᠪ ᠢ | ᠬᠡᠷᠡᠭᠯᠡᠯᠳᠠ ᠳᠤ ᠤᠷᠤᠭᠤᠯᠵᠤ᠂ ᠠᠷᠠᠤᠨ ᠤᠯᠠᠨ ᠤ ᠰᠤᠶᠤᠯ ᠳᠡᠮᠢᠷ ᠤᠨ ᠱᠠᠭᠠᠷᠳᠠᠯᠭ᠎ᠠ ᠶᠢ ᠬᠠᠩᠭᠠᠪᠠ᠃ ︽ᠴᠠᠬᠢᠷᠮ᠎ᠠ ᠴᠢᠳᠠᠪᠤᠷᠢᠳᠠᠨ︾ ᠪᠠᠶᠢᠯᠳᠤᠬᠤ ᠪᠤᠳᠤᠯᠭ᠎ᠠ | ᠶᠢ ᠬᠦᠨᠵᠡᠬᠡᠢ ᠠᠬᠢᠭᠤᠯᠵᠤ᠂ ᠪᠦᠬᠦ ᠤᠷᠤᠨ ᠤ ᠠᠩᠬᠠᠳᠠᠭᠴᠢ ᠤᠯᠤᠰ ᠠᠯᠤᠰᠯᠠᠭᠰᠡᠨ ᠠᠺᠠᠳᠧᠮᠢᠴᠢ ᠴᠢᠳᠠᠪᠤᠷᠢᠳᠠᠨ ᠤ ᠠᠵᠢᠯ ᠤᠨ ᠦᠷᠳᠡᠭᠡ ᠶᠢ ᠮᠡᠳᠡᠬᠦᠯᠤᠨ | ᠪᠠᠶᠢᠭᠤᠯᠵᠤ᠂ 36 ᠦᠨᠳᠤᠷ ᠳᠡᠰ ᠤᠨ ᠴᠢᠳᠠᠪᠤᠷᠢᠳᠠᠨ ᠢ ᠤᠷᠢᠨ ᠠᠪᠴᠢᠷᠠᠵᠤ᠂ 804 ᠴᠢᠳᠠᠪᠤᠷᠢᠳᠠᠨ ᠢ ᠬᠦᠮᠤᠵᠢᠬᠦᠯᠵᠤ᠂ ᠡᠨᠧᠷᠬᠢ ᠠᠷᠪᠢᠯᠠᠬᠤ ᠦᠬᠡᠷᠡᠴᠢᠯᠡᠯᠳᠠ | ᠂ ᠨᠠᠷᠠᠨ ᠡᠨᠧᠷᠬᠢ ᠪᠠᠷ ᠤᠰᠤ ᠳᠠᠳᠠᠬᠤ᠂ ᠳᠡᠵᠢᠬᠡᠨ ᠪᠤᠷᠳᠤᠬᠤ ᠠᠦ᠋ᠲ᠋ᠤ᠋ ᠮᠠᠰᠢᠨ ᠵᠡᠷᠬᠡ 6 ᠲᠦᠷᠤᠯ ᠤᠨ ᠬᠡᠷᠡᠭᠯᠡᠬᠡᠨ ᠤ ᠮᠡᠷᠬᠡᠵᠢᠯ ᠤᠨ ᠳᠤᠰᠬᠠᠢ ᠠᠰᠢᠭ ᠰᠢᠨ᠎ᠠ ᠪᠠᠷ | ᠨᠡᠮᠡᠭᠳᠡᠵᠤ᠂ ᠪᠦᠬᠦ ᠬᠤᠰᠢᠭᠤ ᠨᠠᠶᠢᠳᠠ 85 ᠲᠦᠷᠤᠯ ᠤᠨ ᠬᠡᠷᠡᠭᠯᠡᠬᠡᠨ ᠤ ᠮᠡᠷᠬᠡᠵᠢᠯ ᠤᠨ ᠳᠤᠰᠬᠠᠢ ᠠᠰᠢᠭ ᠤᠯᠪᠠ᠃ ︽ᠨᠤᠳᠤᠭ ᠤᠨ ᠪᠤᠯᠪᠠᠰᠤᠨ ᠰᠤᠷᠳᠠᠯ ᠤᠨ | ᠠᠵᠢᠯᠯᠠᠭ᠎ᠠ︾ ᠢᠯᠡᠤᠨᠳᠠ ᠪᠦᠳᠤᠮᠵᠢ ᠤᠯᠵᠤ ᠂ ︽ᠪᠦᠬᠦ ᠤᠯᠤᠰ ᠤᠨ ᠰᠢᠶᠠᠨ ᠤ ᠳᠡᠰ ᠤᠨ ᠪᠤᠯᠪᠠᠰᠤᠨ ᠬᠤᠳᠠ︾ ᠪᠠᠷ ᠨᠠᠷᠠ ᠳᠤᠷᠠᠳᠤᠭᠳᠠᠵᠤ᠂ 1 ᠬᠦᠮᠤᠨ | ᠪᠦᠬᠦ ᠤᠯᠤᠰ ᠤᠨ ᠰᠠᠶᠢᠴᠤᠤᠯ ᠪᠤᠯᠵᠤ᠂ 2 ᠬᠦᠮᠤᠨ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠶᠤᠰᠤ ᠰᠤᠷᠳᠠᠬᠤᠨ ᠤ ᠵᠢᠱᠢᠶᠠᠴᠢ ᠪᠤᠯᠵᠤ᠂ 2 ᠬᠦᠮᠤᠨ | ᠦᠪᠡᠷᠳᠡᠬᠡᠨ ᠵᠠᠰᠠᠬᠤ ᠤᠷᠤᠨ ᠤ ︽ᠳᠠᠪᠤᠨ ᠨᠢᠬᠡ ᠶᠢᠨ ᠳᠠᠭᠤᠷᠢᠶᠠᠯ ᠡᠮᠡᠭᠳᠠᠢ︾ ᠶᠢᠨ ᠴᠤᠯᠠ ᠤᠯᠪᠠ᠃ ︽ᠬᠤᠶᠠᠳᠤᠭᠠᠷ ᠬᠡᠤᠬᠡᠤᠨ︾ ᠤᠨ ᠲᠦᠷᠤ ᠶᠢᠨ | ᠪᠤᠳᠤᠯᠭ᠎ᠠ ᠶᠢ ᠡᠬᠢᠯᠡᠨ ᠬᠡᠷᠡᠭᠵᠢᠬᠦᠯᠵᠤ᠂ ᠬᠦᠮᠤᠨ ᠠᠮᠠ ᠶᠢᠨ ᠲᠦᠷᠤᠯᠳᠠ ᠶᠢᠨ ᠨᠤᠷᠮ᠎ᠠ ᠶᠢ 10.35‰ ᠳᠤᠳᠤᠷ᠎ᠠ ᠬᠢᠵᠠᠭᠠᠷᠯᠠᠪᠠ᠃ | ︵ᠲᠤᠯᠤᠭ᠎ᠠ︶ ᠦᠬᠡᠷᠡᠴᠢᠯᠡᠯᠲᠡ ᠰᠢᠨᠠᠴᠢᠯᠠᠯᠳᠠ ᠶᠢᠨ ᠡᠷᠴᠢᠮ ᠴᠢᠩᠭᠠᠤᠨᠪᠠ᠃ ᠬᠤᠰᠢᠭᠤ ᠨᠠᠮ ᠤᠨ ᠬᠤᠷᠢᠶᠠᠨ ᠤ ︽ᠦᠬᠡᠷᠡᠴᠢᠯᠡᠯᠲᠡ ᠶᠢ ᠪᠦᠬᠦ ᠲᠠᠯ᠎ᠠ | ᠪᠠᠷ ᠬᠦᠨᠵᠡᠬᠡᠶᠢᠷᠡᠬᠦᠯᠬᠦ ᠲᠣᠬᠠᠢ ᠬᠡᠷᠡᠭᠵᠢᠬᠦᠯᠬᠦ ᠰᠠᠨᠠᠯ︾ ᠢ ᠬᠢᠨᠠᠮᠠᠭᠠᠢ ᠨᠠᠶᠢᠲᠠᠪᠣᠷᠢᠵᠢᠭᠤᠯᠵᠣ᠂ 57 ᠲᠦᠷᠦᠯ ᠤᠨ ᠦᠬᠡᠷᠡᠴᠢᠯᠡᠯᠲᠡ ᠤᠨ ᠡᠬᠦᠷᠬᠡ ᠶᠢ ᠪᠡᠶᠡᠯᠡᠬᠦᠯᠣᠨ᠂ | 67 ᠵᠦᠢᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠬᠤᠷᠢᠶᠠᠬᠤ ᠵᠠᠷᠣᠳᠠᠯ ᠢ ᠪᠠᠭᠠᠰᠬᠠᠭᠰᠠᠨ ᠪᠣᠶᠣ ᠦᠬᠡᠶᠢᠰᠬᠡᠨ᠂ 321 ᠡᠯ᠎ᠡ ᠲᠦᠷᠦᠯ ᠤᠨ | ᠣᠳᠣᠷᠢᠳᠬᠤ ᠲᠣᠭᠤᠶᠢᠯᠠᠩ ᠪᠠ ᠬᠡᠷᠡᠭ ᠵᠦᠪᠯᠡᠬᠦ ᠪᠠᠶᠢᠭᠤᠯᠣᠮᠵᠢ ᠶᠢ ᠴᠣᠮᠬᠠᠳᠬᠠᠪᠠ᠃ ᠠᠵᠣ ᠦᠢᠯᠡᠳᠪᠣᠷᠢ ᠬᠤᠳᠠᠯᠳᠤᠭ᠎ᠠ᠂ ᠶᠠᠰᠣ ᠴᠢᠨᠠᠷ ᠮᠡᠷᠬᠡᠵᠢᠯ ᠤᠨ ᠬᠢᠨᠠᠯᠲᠠ | ᠶᠢᠨ ᠰᠠᠯᠠᠭ᠎ᠠ ᠮᠦᠴᠢᠷ ᠤᠨ ᠪᠠᠶᠢᠭᠤᠯᠣᠮᠵᠢ ᠶᠢᠨ ᠦᠬᠡᠷᠡᠴᠢᠯᠡᠯᠲᠡ ᠶᠢ ᠬᠦᠯᠢᠶᠡᠨ ᠠᠪᠴᠣ᠂ ᠬᠠᠷᠢᠶ᠎ᠠ ᠭᠠᠵᠠᠷ ᠠᠴᠠ ᠰᠢᠭᠤᠳ ᠬᠠᠮᠢᠶᠠᠷᠬᠤ ᠶᠢ ᠪᠡᠶᠡᠯᠡᠬᠦᠯᠪᠡ᠃ | ᠢᠳᠡᠬᠡᠨ ᠡᠮ ᠤᠨ ᠵᠦᠢᠯ ᠢ ᠬᠢᠨᠠᠨ ᠬᠠᠮᠢᠶᠠᠷᠬᠤ ᠲᠣᠭᠲᠠᠴᠠ ᠶᠢᠨ ᠦᠬᠡᠷᠡᠴᠢᠯᠡᠯᠲᠡ ᠶᠢ ᠠᠬᠢᠭᠤᠯᠵᠣ᠂ ᠦᠢᠯᠡᠳᠪᠣᠷᠢᠯᠡᠬᠦ᠂ ᠪᠣᠯᠪᠠᠰᠣᠷᠠᠭᠤᠯᠬᠤ᠂ ᠭᠦᠢᠯᠬᠡᠬᠡ᠂ | ᠢᠳᠡᠬᠡᠨ ᠣᠮᠳᠠᠭᠠᠨ ᠵᠡᠷᠬᠡ ᠭᠤᠭᠴᠣᠭᠠᠨ ᠤ ᠬᠢᠨᠠᠯᠲᠠ ᠬᠠᠮᠢᠶᠠᠷᠣᠯᠲᠠ ᠶᠢᠨ ᠴᠢᠳᠠᠪᠬᠢ ᠶᠢ ᠪᠦᠲᠣᠮᠵᠢᠲᠠᠢ ᠴᠡᠭᠴᠡᠵᠢᠬᠦᠯᠵᠣ᠂ ᠣᠯᠠᠨ ᠲᠦᠮᠡᠨ ᠤ ᠢᠳᠡᠬᠡᠨ ᠣᠮᠳᠠᠭᠠᠨ | ᠤ ᠠᠮᠣᠷ ᠲᠦᠪᠰᠢᠨ ᠤ ᠪᠠᠳᠣᠯᠠᠭ᠎ᠠ ᠶᠢ ᠲᠡᠬᠡᠭᠰᠢᠯᠡᠬᠦᠯᠪᠡ᠃ ᠣᠰᠣᠨ ᠡᠬᠢ ᠰᠣᠷᠪᠣᠯᠵᠢ ᠶᠢᠨ ᠠᠰᠢᠭᠯᠠᠯᠲᠠ ᠨᠦᠬᠦᠪᠣᠷᠢᠯᠡᠯᠲᠡ ᠶᠢ ᠲᠡᠩᠴᠡᠬᠦᠷᠢᠰᠢᠬᠦᠯᠬᠦ᠂ ᠠᠮᠢ | ᠠᠬᠤᠢ ᠶᠢᠨ ᠰᠡᠷᠬᠦᠯᠲᠡ ᠶᠢᠨ ᠣᠷᠣᠨ ᠤ ᠨᠣᠲᠤᠭ ᠪᠡᠯᠴᠢᠬᠡᠷ ᠢ ᠲᠠᠬᠢᠨ ᠠᠰᠢᠭᠯᠠᠬᠤ ᠵᠡᠷᠬᠡ 10 ᠭᠠᠷᠣᠢ ᠲᠦᠷᠦᠯ ᠤᠨ ᠦᠬᠡᠷᠡᠴᠢᠯᠡᠯᠲᠡ ᠶᠢ ᠪᠦᠬᠦ ᠲᠠᠯ᠎ᠠ ᠪᠠᠷ | ᠡᠬᠢᠯᠡᠬᠦᠯᠪᠡ᠃ ᠨᠣᠲᠤᠭ ᠪᠡᠯᠴᠢᠬᠡᠷ ᠤᠨ ᠡᠷᠬᠡ ᠶᠢ ᠲᠣᠳᠣᠷᠬᠠᠶᠢᠯᠠᠬᠤ ᠠᠵᠢᠯ ᠢ ᠪᠦᠬᠦ ᠣᠷᠣᠨ ᠳᠠᠭᠠᠨ ᠲᠡᠷᠢᠬᠦᠯᠣᠨ ᠶᠠᠪᠣᠭᠳᠠᠭᠤᠯᠵᠣ᠂ 97% ᠶᠢ | ᠲᠣᠳᠣᠷᠬᠠᠶᠢᠯᠠᠵᠣ᠂ ᠠᠵᠢᠯ ᠤᠨ ᠲᠣᠷᠰᠢᠯᠭ᠎ᠠ ᠪᠦᠬᠦ ᠣᠯᠣᠰ ᠤᠨ ᠬᠡᠪᠴᠢᠶᠡᠨ᠎ᠡ ᠲᠦᠬᠡᠮᠡᠯᠵᠢᠪᠡ᠃ | ︵ᠨᠠᠢᠮᠠ ︶ ᠨᠡᠶᠢᠬᠡᠮ ᠤᠨ ᠠᠬᠤᠢ ᠪᠠᠶᠢᠳᠠᠯ ᠵᠣᠬᠢᠴᠠᠩᠭᠤᠢ ᠲᠣᠭᠳᠠᠭᠤᠨ ᠪᠣᠯᠪᠠ᠃ ︽ᠨᠠᠮ ᠵᠠᠰᠠᠭ ᠬᠠᠷᠢᠭᠤᠴᠠᠯᠭ᠎ᠠ ᠠᠳᠠᠯᠢ︾᠂ ︽ᠨᠢᠭᠡ ᠪᠠᠶᠢᠷᠢ | ᠬᠤᠤᠰ ᠬᠠᠷᠢᠭᠤᠴᠠᠯᠭ᠎ᠠ︾ ᠪᠠ ︽ᠬᠠᠷᠢᠶ᠎ᠠ ᠭᠠᠵᠠᠷ ᠤᠨ ᠬᠠᠮᠢᠶᠠᠷᠣᠯᠲᠠ︾ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠶᠣᠯᠬᠦᠢ ᠶᠢᠨ ᠲᠣᠰᠬᠠᠢ ᠮᠡᠷᠬᠡᠵᠢᠯᠲᠡᠨ ᠢ | 38 ᠣᠷᠢᠵᠣ᠂ ᠪᠦᠬᠦ ᠶᠠᠪᠣᠴᠠ ᠳᠤ ᠣᠷᠣᠯᠴᠠᠭᠤᠯᠣᠨ ᠮᠦᠷᠲᠡᠬᠦᠯᠵᠣ ᠦᠷ᠎ᠡ ᠳ᠋ᠦᠩ ᠢ ᠠᠰᠠᠭᠤᠨ ᠯᠠᠪᠯᠠᠭᠠᠳ᠂ ᠠᠶᠤᠯᠬᠦᠢ ᠥᠢᠯᠡᠳᠪᠤᠷᠢᠯᠠᠯ ᠤᠨ ᠬᠦᠨᠳᠣ | ᠨᠣᠴᠢᠲᠠᠢ ᠠᠳᠡᠭᠳᠡᠯ ᠡᠬᠦᠰᠬᠦ ᠶᠢ ᠪᠦᠳᠣᠮᠵᠢᠲᠠᠢ ᠬᠢᠵᠠᠭᠠᠷᠯᠠᠪᠠ᠃ ᠡᠷᠲᠡ ᠠᠴᠠ ᠨᠢ ᠠᠳᠬᠤᠬᠤ᠂ ᠪᠠᠭ᠎ᠠ ᠪᠠᠶᠢᠬᠤ ᠳᠤ ᠨᠢ ᠠᠳᠬᠤᠬᠤ᠂ ᠡᠬᠢᠨ ᠤ ᠦᠶ᠎ᠡ ᠳᠤ ᠨᠢ | ᠠᠳᠬᠤᠬᠤ ᠶᠢ ᠪᠠᠷᠢᠮᠲᠠᠯᠠᠨ᠂ ︽ᠦᠨᠳᠣᠰᠣᠨ ᠱᠠᠲᠣᠨ ᠳᠠᠬᠢ ᠠᠵᠢᠯ ᠤᠨ ᠠᠷᠭ᠎ᠠ︾ ᠶᠢ ᠨᠠᠶᠢᠲᠠᠪᠣᠷᠢᠵᠢᠭᠤᠯᠵᠣ᠂ ᠨᠡᠶᠢᠬᠡᠮ ᠤᠨ ᠡᠯ᠎ᠡ ᠲᠦᠷᠦᠯ ᠤᠨ | ᠵᠥᠷᠢᠴᠡᠯ ᠵᠢᠭᠤᠷᠠᠯᠳᠤᠭᠠᠨ ᠢ ᠡᠷᠡᠰ ᠲᠠᠰᠣᠷᠬᠠᠢ ᠰᠢᠢᠳᠪᠣᠷᠢᠯᠡᠭᠰᠡᠨ ᠠᠴᠠ ᠵᠠᠬᠢᠳᠠᠯ ᠰᠤᠷᠪᠤᠯᠵᠢᠯᠠᠭ᠎ᠠ ᠶᠢᠨ ᠬᠦᠮᠦᠨ ᠣᠳᠠᠭ᠎ᠠ 12.5% ᠪᠠᠭᠤᠷᠠᠪᠠ᠃ ᠠᠵᠤ | ᠠᠬᠤᠶᠢᠯᠠᠯ ᠠᠴᠠ ᠬᠦᠯᠥᠰᠤᠨ ᠠᠵᠢᠯᠴᠢᠨ ᠳᠤ ᠥᠷᠢᠳᠥᠭᠰᠡᠨ ᠴᠠᠯᠢᠩ ᠢ ᠲᠣᠬᠢᠲᠠᠢ ᠰᠢᠢᠳᠪᠣᠷᠢᠯᠡᠨ ᠤᠯᠭᠤᠵᠤ᠂ ᠵᠠᠰᠠᠭ ᠤᠨ ᠤᠷᠳᠤᠨ ᠤ ᠴᠢᠨᠠᠷ ᠲᠠᠢ ᠥᠷᠢ | ᠥᠭᠴᠡᠭᠡ ᠶᠢ ᠰᠢᠢᠳᠪᠤᠷᠢᠯᠡᠬᠦ ᠲᠣᠰ ᠵᠢᠯ ᠤᠨ ᠡᠬᠦᠷᠬᠡ ᠪᠠᠨ ᠪᠦᠬᠦ ᠲᠠᠯ᠎ᠠ ᠪᠠᠷ ᠪᠡᠶᠡᠯᠡᠬᠦᠯᠪᠡ᠃ ︽ᠠᠮᠣᠷ ᠠᠮᠣᠭᠤᠯᠠᠩ ᠣᠲᠤᠭ ᠤᠨ ᠡᠮᠣᠨᠡᠲᠣ ᠬᠤᠰᠢᠭᠤ︾ ᠶᠢᠨ | ᠪᠠᠶᠢᠭᠤᠯᠣᠯᠲᠠ ᠢᠯᠡᠷᠬᠡᠢ ᠠᠮᠵᠢᠯᠲᠠ ᠣᠯᠵᠣ᠂ ᠱᠠᠩᠬᠠᠢ ᠶᠢᠨ ᠰᠦᠮ᠎ᠡ ᠶᠢᠨ ᠣᠨᠴᠠ ᠦᠢᠯᠡᠴᠢᠯᠡᠬᠡᠨ ᠤ ᠭᠠᠯ ᠣᠨᠲᠠᠷᠭᠠᠬᠤ ᠦᠷᠲᠡᠭᠡ ᠳᠤ 3142 ᠲᠦᠮᠡᠨ | ᠲᠦᠬᠦᠷᠢᠭ ᠪᠡᠯᠡ ᠣᠷᠣᠭᠤᠯᠵᠣ᠂ 3 ᠭᠠᠯ ᠣᠨᠲᠠᠷᠭᠠᠬᠤ ᠲᠡᠷᠬᠡ 20 ᠭᠠᠯ ᠣᠨᠲᠠᠷᠭᠠᠭᠴᠢ ᠲᠣᠬᠢᠷᠠᠭᠤᠯᠣᠨ᠂ ᠠᠭᠤᠷᠬᠠᠢ ᠶᠢᠨ ᠣᠷᠣᠨ ᠤ ᠭᠠᠯ ᠰᠡᠷᠬᠡᠶᠢᠯᠡᠬᠦ | ᠪᠠᠳᠣᠯᠠᠭ᠎ᠠ ᠶᠢ ᠢᠯᠡᠳᠲᠡ ᠲᠡᠬᠡᠭᠰᠢᠯᠡᠬᠦᠯᠪᠡ︔ ᠠᠮᠣᠷ ᠲᠣᠭᠲᠠᠭᠤᠨ ᠤ ᠲᠣᠭᠠᠴᠢᠯᠠᠭᠰᠠᠨ ᠬᠢᠨᠠᠨ ᠡᠵᠡᠮᠰᠢᠯ ᠤᠨ ᠲᠣᠣᠷ ᠤᠨ ᠪᠠᠶᠢᠭᠤᠯᠣᠯᠲᠠ ᠴᠢᠩᠭᠠᠳᠴᠣ᠂ | ᠡᠷᠡᠬᠦᠦ ᠶᠢᠨ ᠬᠡᠷᠡᠭ᠂ ᠠᠮᠣᠷ ᠲᠦᠪᠰᠢᠨ ᠤ ᠬᠡᠷᠡᠭ ᠤᠨ ᠲᠤᠭ᠎ᠠ ᠵᠠᠯᠭᠠᠪᠡᠷ ᠲᠦᠷᠪᠡᠨ ᠵᠢᠯ ᠶᠡᠬᠡᠪᠡᠷ ᠪᠠᠭᠤᠷᠠᠨ᠂ ᠠᠳᠠᠯᠢ ᠬᠤᠭᠤᠴᠠᠭᠠᠨ ᠤ ᠬᠢ ᠠᠴᠠ 10 ᠪᠠ 21 | ᠵᠠᠭᠤᠨ ᠤ ᠨᠢᠬᠡᠴᠢ ᠪᠠᠷ ᠲᠣᠷᠣᠭᠰᠢᠯᠠᠪᠠ᠃ ᠣᠷᠴᠢᠨ ᠲᠣᠭᠤᠷᠢᠨ ᠤ ᠭᠤᠣᠯᠳᠠᠯᠭᠠᠲᠣ ᠠᠰᠠᠭᠤᠳᠠᠯ ᠢ ᠴᠡᠭᠴᠡᠯᠡᠨ ᠵᠠᠰᠠᠵᠣ᠂ ᠱᠠᠩᠬᠠᠢ ᠶᠢᠨ ᠰᠦᠮ᠎ᠡ ᠶᠢᠨ ᠪᠣᠵᠠᠷ | ᠣᠰᠣ ᠰᠢᠢᠳᠪᠣᠷᠢᠯᠡᠬᠦ ᠦᠢᠯᠡᠳᠪᠣᠷᠢ ᠪᠠᠶᠢᠭᠤᠯᠣᠭᠳᠠᠵᠣ᠂ ᠣᠷᠴᠢᠨ ᠲᠣᠭᠤᠷᠢᠨ ᠤ 18 ᠵᠦᠢᠯ ᠤᠨ ᠭᠤᠣᠯᠳᠠᠯᠭᠠᠲᠣ ᠭᠡᠮ ᠰᠣᠭᠤᠭ ᠢ ᠴᠡᠭᠴᠡᠯᠡᠨ ᠵᠠᠯᠠᠷᠠᠭᠤᠯᠪᠠ᠃ | ᠦᠨᠳᠣᠰᠣᠲᠡᠨ ᠤ ᠠᠵᠢᠯ ᠂ ᠴᠡᠷᠢᠭ ᠤᠨ ᠠᠵᠢᠯ ᠢ ᠵᠦᠪᠯᠡᠬᠦ ᠲᠣᠰᠬᠠᠢ ᠬᠤᠷᠠᠯ ᠢ ᠬᠤᠷᠠᠯᠳᠣᠭᠤᠯᠵᠣ᠂ ᠴᠦᠬᠡᠨ ᠲᠣᠭᠠᠲᠣ ᠦᠨᠲᠣᠰᠣᠲᠡᠨ ᠤ ᠬᠦᠭᠵᠢᠬᠦᠯᠣᠯᠲᠡ ᠶᠢᠨ | ᠪᠡᠯᠡ ᠮᠦᠩᠬᠦ ᠶᠢ 300 ᠲᠦᠮᠡᠨ ᠲᠦᠬᠦᠷᠢᠭ ᠨᠠᠶᠢᠲᠠᠪᠣᠷᠢᠵᠢᠭᠤᠯᠵᠣ᠂ ᠴᠦᠬᠡᠨ ᠲᠣᠭᠠᠲᠣ ᠦᠨᠲᠣᠰᠣᠲᠡᠨ ᠤ ᠣᠶᠣᠲᠠᠳ ᠲᠤ 397.8 ᠲᠦᠮᠡᠨ ᠲᠦᠬᠦᠷᠢᠭ | ᠨᠦᠬᠦᠪᠣᠷᠢ ᠣᠯᠭᠤᠵᠣ᠂ ᠰᠠᠭᠤᠭ᠎ᠠ ᠴᠡᠷᠢᠭ ᠠᠩᠬᠢ ᠶᠢᠨ ᠬᠦᠴᠢᠷᠲᠡᠯ ᠢ ᠰᠢᠢᠳᠪᠣᠷᠢᠯᠡᠨ᠂ ᠥᠨᠳᠤᠰᠤᠳᠡᠨ ᠤ ᠪᠦᠯᠬᠦᠮᠳᠡᠯ᠂ ᠴᠡᠷᠢᠭ ᠠᠷᠠᠳ ᠤᠨ ᠬᠠᠷᠢᠴᠠᠭ᠎ᠠ ᠶᠢ | ᠣᠯᠠᠮ ᠴᠢᠩᠭᠠᠳᠬᠠᠪᠠ᠃ | ︵ᠶᠢᠰᠣ︶ ᠵᠠᠰᠠᠭ ᠤᠨ ᠤᠷᠳᠤᠨ ᠤ ᠲᠣᠰ ᠪᠡᠶ᠎ᠡ ᠶᠢᠨ ᠪᠠᠶᠢᠭᠤᠯᠤᠯᠳᠠ ᠪᠦᠬᠦ ᠲᠠᠯ᠎ᠠ ᠪᠠᠷ ᠴᠢᠩᠭᠠᠳᠪᠠ᠃ ᠨᠠᠮ ᠤᠨ ᠣᠯᠠᠨ ᠲᠦᠮᠡᠨᠴᠢ ᠱᠣᠭᠤᠮ ᠤᠨ | ᠬᠦᠮᠦᠵᠢᠯ ᠦᠢᠯᠡᠳᠣᠯᠬᠡ ᠶᠢᠨ ᠠᠵᠢᠯᠯᠠᠭ᠎ᠠ ᠶᠢ ᠯᠠᠪᠳᠠᠭᠤᠨ ᠪᠦᠲᠦᠮᠵᠢᠲᠠᠢ ᠶᠠᠪᠣᠭᠳᠠᠭᠤᠯᠵᠣ᠂ ︽ᠲᠦᠷᠪᠡᠨ ᠨᠠᠵᠠᠭᠠᠢ ᠰᠣᠷᠲᠠᠯ︾ ᠤᠨ ᠠᠷᠬᠠᠭ ᠢ ᠵᠠᠰᠠᠭᠠᠳ᠂ | ᠠᠯᠪᠠᠲᠠᠨ ᠤ ᠡᠩᠨᠡᠭᠡ ᠶᠢᠨ ᠬᠡᠪ ᠰᠣᠷᠲᠠᠯ ᠢᠯᠡᠳᠲᠡ ᠰᠠᠶᠢᠵᠢᠷᠠᠪᠠ᠃ ᠪᠠᠷᠢᠮᠵᠢᠶ᠎ᠠ ᠠᠴᠠ ᠬᠡᠳᠣᠷᠡᠭᠰᠡᠨ ᠠᠯᠪᠠᠨ ᠲᠡᠷᠬᠡ ᠪᠠ ᠠᠯᠪᠠᠯᠠᠬᠤ ᠭᠡᠷ ᠤᠨ ᠲᠤᠰᠬᠠᠢ ᠲᠥᠷᠥᠯ | ᠤᠨ ᠴᠡᠭᠴᠡᠯᠡᠯᠲᠡ ᠶᠢ ᠪᠦᠬᠦ ᠲᠠᠯ᠎ᠠ ᠪᠠᠷ ᠪᠡᠶᠡᠯᠡᠬᠦᠯᠵᠣ᠂ ︽ᠭᠤᠷᠪᠠᠨ ᠠᠯᠪᠠᠨ ᠵᠠᠷᠤᠳᠠᠯ︾ 31.19% ᠪᠠᠷ ᠪᠠᠭᠤᠷᠠᠪᠠ᠃ ᠵᠠᠰᠠᠭ ᠤᠨ ᠣᠷᠳᠣᠨ ᠠᠴᠠ ᠪᠡᠯᠡ | ᠣᠷᠣᠭᠤᠯᠣᠭᠰᠠᠨ ᠲᠦᠷᠦᠯ ᠵᠦᠢᠯ ᠤᠨ ᠲᠠᠭᠠᠭᠠᠴᠢᠯᠠᠯᠲᠠ ᠵᠠᠷᠯᠠᠬᠤ ᠦᠨ᠎ᠡ ᠬᠠᠩᠰᠢ ᠶᠢ ᠬᠢᠵᠠᠭᠠᠷᠯᠠᠬᠤ ᠬᠢᠨᠠᠨ ᠰᠢᠯᠭᠠᠯᠲᠠ ᠶᠢᠨ ᠲᠦᠷᠢᠮ ᠢ ᠪᠦᠬᠦ ᠬᠤᠲᠠ ᠳᠠᠭᠠᠨ | ᠲᠡᠷᠢᠬᠦᠯᠣᠨ ᠬᠡᠷᠡᠭᠵᠢᠬᠦᠯᠵᠣ᠂ ᠡᠳ᠋ ᠤᠨ ᠵᠠᠰᠠᠭ ᠤᠨ ᠪᠡᠯᠡ ᠮᠦᠩᠬᠦᠨ ᠤ ᠬᠡᠷᠡᠭᠯᠡᠯᠲᠡ ᠬᠠᠮᠢᠶᠠᠷᠣᠯᠲᠠ ᠵᠡᠷᠬᠡ ᠣᠯᠠᠨ ᠲᠦᠷᠦᠯ ᠶᠢᠨ ᠲᠦᠷᠢᠮ ᠲᠣᠭᠲᠠᠭᠠᠵᠣ᠂ | ᠲᠦᠷᠦᠯ ᠵᠦᠢᠯ ᠪᠣᠯᠣᠨ ᠪᠡᠯᠡ ᠮᠦᠩᠬᠦᠨ ᠤ ᠬᠡᠷᠡᠭᠯᠡᠯᠲᠡ ᠶᠢ ᠪᠦᠲᠦᠮᠵᠢᠲᠠᠢ ᠲᠦᠷᠢᠮᠵᠢᠬᠦᠯᠪᠡ᠃ ᠠᠷᠠᠳ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠤᠯᠤᠰ | ᠲᠥᠷᠥ ᠶᠢᠨ ᠵᠥᠪᠯᠡᠯᠬᠡᠨ ᠤ ᠭᠡᠰᠢᠬᠦᠳ ᠤᠨ ᠲᠤᠷᠠᠳᠤᠯᠭ᠎ᠠ ᠶᠢ ᠴᠠᠭ ᠲᠣᠬᠠᠢ ᠳᠤ ᠨᠢ ᠬᠦᠢᠴᠡᠳᠬᠡᠪᠡ᠃ ᠲᠧᠯᠸᠢᠰ ᠵᠠᠰᠠᠭ ᠠᠰᠠᠭᠤᠯᠭ᠎ᠠ᠂ ᠬᠤᠰᠢᠭᠤ ᠲᠠᠷᠤᠭ᠎ᠠ ᠶᠢᠨ | ᠬᠠᠯᠠᠮᠰᠢᠯ ᠣᠲᠠᠰᠣ᠂ ᠬᠤᠰᠢᠭᠤ ᠲᠠᠷᠤᠭ᠎ᠠ ᠶᠢᠨ ᠵᠠᠬᠢᠳᠠᠯ ᠤᠨ ᠬᠠᠶᠢᠷᠴᠠᠭ ᠲᠣᠬᠢᠷᠠᠭᠤᠯᠣᠨ᠂ ᠠᠷᠠᠳ ᠤᠨ ᠠᠮᠢᠲᠣᠷᠠᠯ ᠤᠨ ᠠᠰᠠᠭᠤᠳᠠᠯ ᠤᠨ ᠰᠢᠢᠳᠪᠣᠷᠢᠯᠡᠯᠲᠡ ᠶᠢ | ᠠᠬᠢᠭᠤᠯᠪᠠ᠃ ᠬᠤᠭᠤᠴᠠᠭᠠᠯᠠᠭᠰᠠᠨ ︽ᠲᠦᠪᠯᠡᠷᠡᠩᠬᠦᠢ ᠬᠦᠢᠴᠡᠳᠬᠡᠯᠲᠡ︾ ᠶᠢᠨ ᠦᠢᠯᠡᠴᠢᠯᠡᠭᠡ ᠶᠢ ᠬᠡᠷᠡᠭᠵᠢᠬᠦᠯᠵᠣ᠂ ᠵᠠᠰᠠᠭ ᠤᠨ ᠶᠠᠪᠤᠳᠠᠯ ᠤᠨ ᠥᠢᠯᠡᠴᠢᠯᠡᠬᠡᠨ ᠤ | ᠲᠢᠩᠬᠢᠮ ᠤᠨ ᠵᠠᠰᠠᠭ ᠵᠠᠬᠢᠷᠭᠠᠨ ᠤ ᠴᠢᠳᠠᠪᠬᠢ ᠶᠢ ᠶᠡᠬᠡᠪᠡᠷ ᠲᠡᠬᠡᠭᠰᠢᠯᠡᠬᠦᠯᠪᠡ᠃ ᠵᠠᠰᠠᠭ ᠤᠨ ᠣᠷᠳᠣᠨ ᠤ ᠬᠠᠣᠯᠢ ᠶᠢᠨ ᠵᠦᠪᠯᠡᠭᠴᠢ ᠠᠴᠠ ᠠᠰᠠᠭᠤᠨ ᠯᠠᠪᠯᠠᠬᠤ | ᠲᠦᠷᠢᠮ ᠢ ᠬᠡᠷᠡᠭᠵᠢᠬᠦᠯᠣᠨ᠂ ᠰᠢᠨᠵᠢᠯᠡᠬᠦ ᠣᠬᠠᠭᠠᠨᠴᠢ ᠪᠠᠷ ᠰᠢᠢᠳᠪᠣᠷᠢ ᠲᠣᠭᠳᠠᠭᠠᠬᠤ ᠶᠢ ᠪᠠᠲᠣᠯᠠᠵᠣ᠂ ᠨᠡᠶᠢᠬᠡᠮ ᠤᠨ ᠲᠦᠭᠰᠢᠬᠦᠷᠢ ᠶᠢ ᠰᠡᠷᠬᠡᠶᠢᠯᠡᠨ᠂ ᠬᠠᠣᠯᠢ ᠪᠠᠷ | ᠬᠤᠰᠢᠭᠤ ᠪᠠᠨ ᠵᠠᠰᠠᠬᠤ ᠶᠢ ᠠᠬᠢᠭᠤᠯᠪᠠ᠃ ᠨᠠᠮ ᠤᠨ ᠰᠣᠷᠲᠠᠯ ᠠᠷᠢᠭᠤᠨ ᠴᠢᠬᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠣᠷᠢᠵᠢᠭᠤᠯᠵᠣ | ᠂ ᠡᠷᠬᠡ ᠶᠢᠨ ᠠᠵᠢᠯᠯᠠᠮᠵᠢ ᠶᠢᠨ ᠬᠢᠨᠠᠯᠲᠠ ᠪᠣᠯᠣᠨ ᠰᠠᠯᠠᠭᠠᠨ ᠲᠡᠰ ᠤᠨ ᠣᠳᠣᠷᠢᠳᠬᠤ ᠺᠠᠳ᠋ᠷ ᠤᠨ ᠠᠵᠣ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠶᠢ | ᠴᠢᠩᠭᠠᠳᠬᠠᠵᠤ᠂ ᠬᠠᠣᠯᠢ ᠰᠠᠬᠢᠯᠭ᠎ᠠ ᠵᠦᠷᠢᠴᠡᠭᠰᠡᠨ ᠬᠡᠷᠡᠭ ᠢ ᠡᠷᠡᠰ ᠴᠢᠩᠭ᠎ᠠ ᠪᠠᠶᠢᠴᠠᠭᠠᠨ ᠰᠢᠢᠳᠪᠣᠷᠢᠯᠡᠵᠣ᠂ ᠢᠯᠵᠡᠷᠡᠯ ᠢ ᠡᠰᠡᠷᠬᠦᠴᠡᠨᠠᠷᠢᠭᠤᠨ ᠴᠢᠬᠡᠴᠢ ᠶᠢ | ᠡᠷᠬᠢᠮᠯᠡᠬᠦ ᠠᠵᠢᠯ ᠢᠯᠡᠳᠲᠡ ᠪᠥᠲᠥᠮᠵᠢ ᠤᠯᠪᠠ᠃ | ᠲᠥᠯᠥᠭᠡᠯᠡᠭᠴᠢᠳ ᠡ᠂ 2014 ᠤᠨᠳᠤ ᠠᠵᠤ ᠠᠬᠤᠢ ᠶᠢᠨ ᠬᠦᠭᠵᠢᠯᠲᠡ ᠦᠷᠬᠦᠯᠵᠢᠯᠡᠨ ᠣᠳᠠᠭᠠᠰᠢᠷᠠᠭᠰᠠᠨ ᠪᠠᠶᠢᠳᠠᠯ ᠲᠤᠤᠷ᠎ᠠ᠂ ᠪᠦᠬᠦ ᠬᠤᠰᠢᠭᠤ ᠪᠠᠷ ᠢᠶᠠᠨ | ᠯᠠᠪᠳᠠᠭᠤᠨ ᠢᠶᠠᠷ ᠠᠷᠭᠠᠴᠠᠵᠣ ᠰᠠᠨᠠᠭᠠᠴᠢᠯᠠᠭ᠎ᠠ ᠲᠠᠢ ᠪᠠᠷ ᠠᠵᠢᠯᠯᠠᠨ᠂ ᠠᠵᠣ ᠠᠬᠤᠢ ᠨᠠᠶᠢᠬᠡᠮ ᠤᠨᠬᠦ᠋ᠭᠵᠢᠯᠲᠡ ᠲᠤᠮᠳᠠᠬᠢ ᠵᠦᠷᠢᠴᠡᠯ ᠪᠤᠯᠤᠨ ᠠᠰᠠᠭᠤᠳᠠᠯ ᠢ | ᠪᠥᠲᠥᠮᠵᠢᠲᠡᠢ ᠰᠢᠢᠳᠪᠤᠷᠢᠯᠡᠭᠰᠡᠨ ᠠᠴᠠ ᠠᠵᠤ ᠠᠬᠤᠢ ᠶᠢᠨ ᠭᠤᠣᠯ ᠵᠢᠭᠠᠯᠲᠡ ᠪᠠᠨ ᠴᠦᠮ ᠲᠠᠪᠠᠭᠤᠯᠣᠨ ᠪᠡᠶᠡᠯᠡᠬᠦᠯᠵᠣ᠂ ᠲᠣᠭᠲᠠᠮᠠᠯ ᠬᠦᠷᠦᠩᠬᠡ ᠶᠢᠨ ᠪᠡᠯᠡ | ᠣᠷᠣᠭᠤᠯᠣᠯᠲᠠ᠂ ᠨᠠᠶᠢᠬᠡᠮ ᠤᠨ ᠬᠡᠷᠡᠭᠯᠡᠬᠡᠨ ᠤ ᠲᠠᠸᠠᠷ ᠤᠨ ᠵᠢᠵᠢᠭᠯᠡᠨ ᠪᠣᠷᠣᠯᠠᠭᠤᠯᠣᠭᠰᠠᠨ ᠶᠡᠷᠥᠩᠬᠡᠢ ᠨᠣᠷᠮ᠎ᠠ ᠶᠢᠨ ᠨᠡᠮᠡᠭᠳᠡᠯ ᠪᠠ ᠮᠠᠯᠴᠢᠨ ᠲᠠᠷᠢᠶᠠᠴᠢᠳ ᠤᠨ | ᠬᠦᠮᠥᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠪᠦᠬᠦ ᠬᠤᠳᠠ ᠳᠤ ᠪᠠᠨ ᠣᠷᠣᠶᠢᠯᠠᠨ᠂ ᠨᠡᠶᠢᠲᠡ ᠶᠢᠨ ᠡᠳ᠋ ᠤᠨ ᠵᠠᠰᠠᠭ ᠤᠨ ᠲᠦᠰᠣᠪ 2013 ᠣᠨ ᠳᠤ | ᠪᠦᠬᠦ ᠣᠷᠣᠨ ᠤ 102 ᠬᠤᠰᠢᠭᠤ ᠰᠢᠶᠠᠨ ᠤ ᠲᠣᠲᠣᠷ᠎ᠠ 30 ᠳ᠋ᠣᠭᠠᠷ ᠲᠤ ᠪᠠᠶᠢᠭᠰᠠᠨ ᠠᠴᠠ ᠪᠠᠨ22 ᠳ᠋ᠣᠭᠠᠷ ᠲᠤ ᠲᠠᠪᠰᠢᠪᠠ᠃ ᠡᠳᠡᠭᠡᠷ ᠠᠮᠵᠢᠯᠲᠡ ᠪᠤᠯ | ᠬᠤᠰᠢᠭᠤ ᠨᠠᠮ ᠤᠨ ᠬᠤᠷᠢᠶ᠎ᠠ ᠪᠦᠬᠦ ᠲᠠᠯ᠎ᠠ ᠶᠢ ᠡᠵᠡᠮᠳᠡᠵᠤ᠂ ᠵᠥᠪ ᠤᠨᠥᠪᠴᠢᠲᠡᠢ ᠤᠳᠤᠷᠢᠳᠤᠭᠰᠠᠨ ᠤ ᠥᠷ᠎ᠡ ᠳ᠋ᠥᠩ ᠮᠦᠨ᠂ ᠬᠤᠰᠢᠭᠤ ᠬᠡᠳᠤᠨ ᠶᠡᠭᠡ ᠪᠠᠭ | ᠰᠡᠳᠬᠢᠯ ᠨᠢᠬᠡᠳᠴᠣ ᠬᠦᠴᠦ ᠬᠠᠮᠲᠣᠳᠬᠠᠨ᠂ ᠪᠥᠯᠬᠦᠮᠳᠡᠨ ᠳᠡᠮᠡᠴᠡᠭᠰᠡᠨ ᠤ ᠥᠷ᠎ᠡ ᠳ᠋ᠥᠩ ᠮᠦᠨ᠂ ᠨᠡᠩ ᠴᠣ᠋ ᠪᠦᠬᠦ ᠬᠤᠰᠢᠭᠤ ᠪᠠᠷ ᠢᠶᠠᠨ ᠬᠠᠲᠠᠭᠤᠵᠢᠯᠲᠠᠢ ᠥᠢᠯᠡᠰ | ᠪᠥᠲᠥᠭᠡᠨ᠂ ᠬᠠᠮᠲᠤ ᠪᠠᠷ ᠴᠢᠷᠮᠠᠶᠢᠭᠰᠠᠨ ᠤ ᠥᠷ᠎ᠡ ᠳ᠋ᠥᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠵᠤ᠂ ᠪᠦᠬᠦ | ᠬᠤᠰᠢᠭᠤᠨ ᠤ ᠡᠯ᠎ᠡ ᠥᠨᠳᠤᠰᠤᠳᠠᠨ ᠤ ᠺᠠᠳ᠋ᠷ ᠤᠯᠠᠨ ᠲᠥᠮᠡᠨ ᠪᠠ ᠤᠲᠤᠭ ᠤᠨ ᠡᠮᠤᠨᠡᠲᠤ ᠬᠤᠰᠢᠭᠤᠨ ᠤ ᠪᠠᠶᠢᠭᠤᠯᠤᠯᠳᠠ ᠬᠦᠭᠵᠢᠯᠲᠡ ᠶᠢ ᠬᠠᠯᠠᠮᠵᠢᠯᠠᠨ | ᠲᠡᠮᠵᠢᠭᠰᠡᠭᠡᠷ ᠢᠷᠡᠭᠰᠡᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠡᠷᠬᠢᠮ ᠳᠡᠭᠡᠲᠤ ᠮᠡᠨᠳᠤᠴᠢᠯᠠᠯ ᠪᠤᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠵᠤ | ᠪᠠᠶᠢᠨ᠎ᠠ᠃ | ᠪᠢᠲᠡ ᠰᠢᠨ᠎ᠡ ᠠᠮᠵᠢᠯᠲᠡ ᠪᠠᠨ ᠨᠤᠳᠠᠯᠠᠬᠤ ᠶᠢᠨ ᠬᠠᠮᠲᠤ ᠤᠷᠤᠰᠢᠵᠤ ᠪᠠᠶᠢᠭ᠎ᠠᠠᠰᠠᠭᠤᠳᠠᠯ᠂ ᠲᠣᠯᠭᠠᠷᠠᠵᠣ ᠪᠠᠶᠢᠭ᠎ᠠ ᠬᠦᠴᠢᠷᠳᠡᠯ ᠢ ᠰᠡᠷᠭᠡᠭ ᠢᠶᠠᠷ ᠲᠠᠨᠢᠬᠤ | ᠬᠡᠷᠡᠭᠲᠡᠢ᠃ ᠭᠤᠣᠯᠳᠠᠭᠤ᠄ ᠬᠦᠭᠵᠢᠯᠲᠡ ᠬᠦᠢᠴᠡᠳ ᠪᠣᠰᠣ᠂ ᠠᠵᠣ ᠦᠢᠯᠡᠰ ᠤᠨ ᠲᠡᠰ ᠳᠠᠪᠬᠤᠷᠭ᠎ᠠ ᠲᠣᠣᠷ᠎ᠠ᠂ ᠠᠵᠣ ᠠᠬᠤᠢ ᠶᠢᠨ ᠶᠡᠷᠣᠩᠬᠡᠢ ᠬᠡᠮᠵᠢᠶ᠎ᠡ ᠪᠠᠭ᠎ᠠ | ᠪᠠᠶᠢᠬᠤ ᠨᠢ ᠮᠦᠨ ᠯᠠ ᠬᠤᠰᠢᠭᠤᠨ ᠤ ᠦᠨᠳᠣᠰᠣᠨ ᠪᠠᠶᠢᠳᠠᠯ ᠪᠠᠶᠢᠭᠰᠠᠭᠠᠷ︔ ᠠᠵᠤ ᠦᠢᠯᠡᠳᠪᠣᠷᠢ ᠶᠢᠨ ᠠᠵᠣ ᠠᠬᠤᠢ ᠮᠦᠨ ᠯᠠ ᠡᠬᠢᠯᠡᠯᠲᠡ ᠶᠢᠨ ᠱᠠᠳᠣᠨ ᠳᠠᠭᠠᠨ | ᠪᠠᠶᠢᠵᠣ᠂ ᠨᠡᠬᠦᠷᠡᠰᠣᠨ ᠵᠠᠬ᠎ᠠ ᠲᠡᠯᠬᠡᠬᠦᠷ ᠤᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠳᠤ ᠦᠵᠡᠬᠦᠯᠬᠦ ᠨᠦᠯᠦᠬᠡ ᠶᠡᠭᠡ᠂ ᠡᠳ᠋ ᠤᠨ ᠵᠠᠰᠠᠭ ᠤᠨ ᠤᠷᠤᠯᠭ᠎ᠠ | ᠵᠠᠷᠤᠯᠭ᠎ᠠ ᠶᠢᠨ ᠲᠡᠩᠴᠡᠬᠦᠷᠢ ᠶᠢᠨ ᠵᠥᠷᠢᠶ᠎ᠡ ᠲᠣᠪᠣᠶᠢᠮᠠᠪᠣᠢ︔ ᠬᠤᠳᠠ ᠪᠠ ᠬᠦᠳᠡᠭᠡ᠂ ᠠᠵᠣ ᠠᠬᠤᠢ ᠪᠠ ᠨᠠᠶᠢᠬᠡᠮ ᠤᠨ ᠬᠦᠭᠵᠢᠯᠲᠠ ᠵᠣᠬᠢᠴᠠᠩᠭᠤᠢ ᠪᠣᠰᠣ᠂ | ᠢᠯᠡᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠪᠠᠭᠳᠠᠭᠠᠮᠵᠢ ᠶᠢ ᠨᠡᠮᠡᠭᠳᠡᠬᠦᠯᠬᠦ᠂ ᠴᠠᠬᠢᠯᠭᠠᠨ ᠱᠣᠭᠤᠮ ᠬᠠᠭᠤᠴᠢᠷᠠᠭᠰᠠ᠂ ᠵᠠᠮ ᠮᠠᠭᠤ ᠪᠠ ᠲᠠᠷᠢᠵᠣ | ᠲᠡᠵᠢᠬᠡᠬᠦ ᠬᠠᠰᠢᠶ᠎ᠠ ᠰᠠᠷᠠᠪᠴᠢ᠂ ᠠᠮᠣ ᠲᠦᠮᠦᠰᠣᠨ ᠤ ᠵᠢᠵᠢᠭ ᠬᠦᠮᠦᠷᠬᠡ ᠲᠣᠲᠠᠭᠳᠠᠵᠣ ᠪᠠᠶᠢᠭ᠎ᠠ ᠠᠰᠠᠭᠤᠳᠠᠯ ᠲᠦᠢᠯᠪᠣᠷᠢᠲᠠᠢ ᠰᠢᠢᠳᠪᠣᠷᠢᠯᠡᠭᠳᠡᠬᠡᠳᠣᠢ᠂ ᠰᠣᠷᠭᠠᠨ | ᠬᠦᠮᠦᠵᠢᠯ᠂ ᠡᠮ ᠡᠮᠨᠡᠯᠬᠡ᠂ ᠨᠡᠶᠢᠬᠡᠮ ᠤᠨ ᠪᠠᠳᠣᠯᠠᠭ᠎ᠠ ᠪᠠ ᠢᠳᠡᠬᠡᠨ ᠤ ᠠᠮᠣᠷ ᠲᠦᠪᠰᠢᠨ ᠵᠡᠷᠬᠡ ᠶᠢ ᠴᠢᠩᠭᠠᠳᠬᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠣᠢ︔ | ᠠᠮᠢ ᠠᠬᠤᠢ ᠶᠢᠨ ᠤᠷᠴᠢᠨ ᠲᠤᠭᠤᠷᠢᠨ ᠪᠦᠬᠦᠯᠢ ᠴᠤᠭᠴᠠ ᠪᠠᠷ ᠢᠶᠠᠨ ᠨᠡᠯᠢᠶᠡᠤᠨ ᠬᠡᠪᠡᠷᠡᠭ᠂ ᠦᠴᠦᠬᠡᠨ ᠰᠣᠯᠠᠳᠬᠠᠪᠠᠯ ᠠᠬᠢᠨ ᠮᠠᠭᠤᠳᠠᠬᠤ ᠪᠤᠯᠤᠮᠵᠢ ᠲᠠᠢ ᠪᠣᠢ᠃ | ᠡᠳᠡᠭᠡᠷ ᠠᠰᠠᠭᠤᠳᠠᠯ ᠢ ᠪᠢᠲᠠ ᠠᠩᠬᠠᠷᠣᠨ ᠴᠢᠬᠤᠯᠠᠴᠢᠯᠠᠵᠣ᠂ ᠡᠷᠴᠢᠮᠲᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠤᠷᠢᠯᠡᠬᠦ ᠴᠢᠬᠤᠯᠠ ᠲᠠᠢ ᠪᠠᠶᠢᠨ᠎ᠠ᠃ | ᠬᠤᠶᠠᠷ᠂ ᠥᠨᠥ ᠵᠢᠯ ᠤᠨ ᠠᠵᠢᠯ ᠤᠨ ᠭᠤᠣᠯ ᠡᠬᠦᠷᠬᠡ | 2015 ᠤᠨ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠷᠪᠡᠳᠣᠬᠡᠷ ᠪᠦᠬᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠬᠦᠨᠵᠡᠬᠡᠢ | ᠲᠣᠣᠱᠯᠠᠭᠤᠯᠬᠤ ᠠᠩᠬᠠᠨ ᠤ ᠵᠢᠯ᠂ ᠥᠭᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠠᠩᠬᠢᠯᠠᠭ᠎ᠠ ᠶᠢᠨ ᠵᠢᠯ ᠂ ᠮᠥᠨᠴᠤ ᠮᠠᠨ ᠤ ᠬᠤᠰᠢᠭᠤᠨ ᠤ ︽ᠠᠷᠪᠠᠨ | ᠬᠤᠶᠠᠳᠣᠭᠠᠷ ᠲᠠᠪᠣᠨ ᠵᠢᠯ︾ ᠤᠨ ᠬᠠᠷᠠᠯᠲᠠ ᠶᠢ ᠪᠡᠶᠡᠯᠡᠬᠦᠯᠬᠦ ᠲᠡᠬᠦᠰᠬᠡᠯ ᠤᠨ ᠵᠢᠯ ᠪᠣᠯᠬᠤᠷ ᠥᠨᠥ ᠵᠢᠯ ᠤᠨ ᠡᠯ᠎ᠡ ᠵᠥᠢᠯ ᠤᠨ ᠠᠵᠢᠯ ᠢᠶᠠᠨ ᠰᠠᠶᠢᠲᠤᠷ ᠬᠢᠬᠦ ᠨᠢ | ᠴᠢᠬᠤᠯᠠ ᠠᠴᠢ ᠬᠤᠯᠪᠣᠭᠳᠠᠯ ᠲᠠᠢ ᠶᠣᠮ᠃ ᠣᠳᠣᠬᠠᠨ ᠳᠤ ᠮᠠᠨ ᠤ ᠣᠯᠣᠰ ᠤᠨ ᠠᠵᠣ ᠠᠬᠤᠢ ᠰᠢᠨ᠎ᠡ ᠬᠡᠪ ᠪᠠᠶᠢᠳᠠᠯ ᠳᠤ ᠣᠷᠣᠵᠣ᠂ ᠬᠤᠷᠳᠣᠴᠠ ᠪᠠᠨ | ᠬᠤᠪᠢᠷᠠᠭᠤᠯᠬᠤ᠂ ᠪᠦᠲᠣᠴᠡ ᠪᠠᠨ ᠰᠢᠯᠢᠳᠡᠭᠵᠢᠬᠦᠯᠬᠦ᠂ ᠬᠦᠳᠡᠯᠬᠡᠬᠦᠷ ᠢᠶᠠᠨ ᠰᠣᠯᠢᠬᠤ ᠰᠢᠨ᠎ᠡ ᠣᠨᠴᠠᠯᠢᠭ ᠢᠯᠡᠷᠡᠭᠰᠡᠨ ᠠᠴᠠ ᠪᠢᠳᠠᠨ ᠳᠤ ᠲᠣᠯᠭᠠᠷᠠᠭᠰᠠᠨ ᠬᠡᠷᠡᠭᠴᠡᠭᠡ | ᠂ ᠬᠠᠩᠭᠠᠯᠭ᠎ᠠ᠂ ᠠᠵᠣ ᠦᠢᠯᠡᠰ ᠤᠨ ᠵᠣᠬᠢᠶᠠᠨ ᠪᠠᠶᠢᠭᠤᠯᠣᠯᠲᠠ᠂ ᠵᠠᠬ᠎ᠠ ᠲᠡᠯᠬᠡᠬᠦᠷ ᠤᠨ ᠦᠷᠢᠰᠣᠯᠳᠣᠬᠡᠨ ᠵᠡᠷᠬᠡ ᠭᠠᠳᠠᠭᠠᠳᠣ ᠣᠷᠴᠢᠨᠳᠤ ᠬᠦᠨᠵᠡᠬᠡᠢ ᠬᠤᠪᠢᠷᠠᠯᠲᠠ | ᠭᠠᠷᠣᠭᠰᠠᠨ ᠮᠦᠷᠲᠡᠬᠡᠨ ᠤᠯᠤᠰ ᠠᠴᠠ ᠴᠡᠪᠡᠷ ᠡᠨᠧᠷᠬᠢ ᠶᠢᠨ ᠦᠢᠯᠡᠰ ᠢ ᠬᠦᠭᠵᠢᠬᠦᠯᠬᠦ ᠣᠷᠣᠨ ᠵᠠᠢ ᠶᠢ ᠦᠷᠬᠡᠳᠬᠡᠨ᠂ ᠢᠳᠡᠪᠬᠢᠲᠠᠢ ᠡᠳ᠋ ᠤᠨ ᠵᠠᠰᠠᠭ ᠤᠨ ᠲᠦᠷᠦ | ᠶᠢᠨ ᠪᠣᠳᠣᠯᠭ᠎ᠠ ᠬᠡᠷᠡᠭᠵᠢᠬᠦᠯᠵᠣ᠂ ᠲᠣᠮᠳᠠᠳᠣ ᠪᠠᠷᠠᠭᠤᠨ ᠣᠷᠣᠨ ᠳᠠᠬᠢ ᠰᠠᠭᠤᠷᠢ ᠲᠦᠬᠦᠬᠡᠷᠣᠮᠵᠢ ᠶᠢᠨ ᠣᠷᠣᠭᠤᠯᠣᠯᠲᠠ ᠪᠠᠨ ᠨᠡᠮᠡᠭᠳᠡᠬᠦᠯᠵᠣ ᠪᠠᠶᠢᠭ᠎ᠠ ᠵᠡᠷᠬᠡ | ᠴᠢᠬᠤᠯᠠ ᠶᠡᠭᠡ ᠠᠵᠠ ᠲᠣᠬᠢᠶᠠᠯ ᠠᠭᠤᠯᠣᠭᠳᠠᠵᠣ ᠪᠣᠢ᠃ ᠢᠯᠠᠩᠭᠤᠶ᠎ᠠ ᠬᠠᠲᠠᠭᠤᠵᠢᠯᠲᠠᠢ ᠴᠢᠷᠮᠠᠶᠢᠯᠭ᠎ᠠ ᠪᠠᠷ ᠲᠠᠮᠵᠢᠨ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ | ᠰᠠᠭᠤᠷᠢᠨ ᠭᠠᠵᠠᠷ ᠤᠨ ᠴᠠᠬᠢᠯᠭᠠᠨ ᠬᠦᠷᠬᠡᠬᠦ ᠱᠣᠭᠤᠮ᠂ ᠲᠠᠪᠣᠨ ᠶᠡᠭᠡ ᠴᠠᠬᠢᠯᠭᠠᠨ ᠡᠬᠢ ᠶᠢᠨ ᠴᠡᠭ ᠪᠣᠯᠣᠨ ᠨᠡᠬᠦᠷᠡᠰᠣᠨ ᠬᠢᠮᠢ ᠵᠡᠷᠬᠡ ᠨᠢᠬᠡ ᠪᠦᠯᠦᠭ ᠴᠢᠬᠤᠯᠠ ᠶᠡᠭᠡ | ᠲᠦᠷᠦᠯ ᠵᠦᠢᠯ ᠪᠣᠳᠠᠳᠣ ᠠᠬᠢᠯᠲᠠ ᠲᠠᠢ ᠪᠣᠯᠵᠣ᠂ ᠪᠦᠬᠦ ᠬᠤᠰᠢᠭᠤᠨ ᠤ ᠠᠵᠣ ᠠᠬᠤᠢ ᠶᠢᠨ ᠬᠦᠭᠵᠢᠯᠲᠡ ᠳᠤ ᠬᠦᠴᠦᠨ ᠬᠤᠷᠠᠮᠳᠣᠭᠤᠯᠵᠣ ᠰᠠᠭᠤᠷᠢ ᠲᠠᠯᠪᠢᠭᠰᠠᠨ | ᠪᠠᠶᠢᠨ᠎ᠠ᠃ ᠡᠶᠢᠮᠣ ᠠᠴᠠ ᠰᠢᠨ᠎ᠠ ᠬᠡᠪ ᠪᠠᠶᠢᠳᠠᠯ ᠲᠣᠣᠷ᠎ᠠ ᠮᠠᠨ ᠤ ᠬᠤᠰᠢᠭᠤᠨ ᠤ ᠠᠵᠣ ᠠᠬᠤᠢ ᠶᠢᠨ ᠰᠠᠶᠢᠨ ᠬᠠᠨᠳᠣᠰᠢ ᠶᠡᠷᠣᠩᠬᠡᠢ ᠳᠡᠭᠡᠨ ᠬᠤᠪᠢᠷᠠᠭᠰᠠᠨ ᠦᠬᠡᠢ᠂ | ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢᠨ ᠲᠣᠬᠢᠶᠠᠯᠲᠣ ᠬᠤᠭᠤᠴᠠᠭ᠎ᠠ᠂ ᠬᠦᠭᠵᠢᠯᠲᠡ ᠶᠢ ᠲᠦᠷᠬᠡᠳᠬᠡᠬᠦ ᠨᠦᠬᠡᠴᠡ ᠲᠠᠪᠠᠭᠤᠯᠢᠭ ᠳᠤ ᠬᠤᠪᠢᠷᠠᠯᠲᠠ ᠭᠠᠷᠣᠭᠰᠠᠨ | ᠦᠬᠡᠢ᠃ ᠪᠢᠳᠠ ᠵᠦᠪᠬᠢᠨ ᠦᠵᠡᠯᠲᠡ ᠲᠠᠨᠢᠯᠲᠠ ᠲᠡᠬᠡᠷ᠎ᠡ ᠪᠠᠨ ᠵᠣᠬᠢᠴᠠᠭᠤᠯᠣᠨ ᠣᠷᠣᠨᠵᠢᠭᠤᠯᠵᠣ᠂ ᠣᠨᠣᠪᠴᠢᠲᠠᠢ ᠠᠷᠭ᠎ᠠ ᠬᠡᠮᠵᠢᠶ᠎ᠡ ᠠᠪᠣᠪᠠᠯ᠂ ᠯᠠᠪᠲᠠᠢ | ᠬᠦᠭᠵᠢᠯᠲᠡ ᠶᠢᠨ ᠰᠠᠨᠠᠭᠠᠴᠢᠯᠠᠭᠠᠳᠣ ᠡᠷᠬᠡ ᠶᠢ ᠡᠵᠡᠮᠰᠢᠵᠣ᠂ ᠰᠢᠨ᠎ᠡ ᠲᠣᠬᠢᠶᠠᠯ ᠢ ᠡᠵᠡᠮᠳᠡᠨ ᠰᠢᠨ᠎ᠡ ᠪᠠᠶᠢᠳᠠᠯ ᠢ ᠪᠣᠢ ᠪᠣᠯᠭᠠᠵᠣ᠂ ᠰᠢᠨ᠎ᠡ ᠠᠮᠵᠢᠯᠲᠠ ᠣᠯᠬᠤ ᠶᠣᠮ᠃ | | ᠬᠤᠰᠢᠭᠤ ᠨᠠᠮ ᠤᠨ ᠬᠤᠷᠢᠶᠠᠨ ᠤ ᠨᠠᠢᠮᠠᠳᠣᠭᠠᠷ ᠬᠤᠭᠤᠴᠠᠭᠠᠨ ᠤ ᠲᠣᠯᠣᠳᠣᠭᠠᠷ ᠣᠳᠠᠭ᠎ᠠ ᠶᠢᠨ ᠪᠦᠬᠦ ᠬᠡᠰᠢᠬᠦᠳ ᠤᠨ ᠬᠤᠷᠠᠯ ᠪᠣᠯᠣᠨ ᠠᠵᠣ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠣᠰᠣᠯᠡᠪᠡᠯ᠂ ᠦᠨᠣ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠥᠩᠬᠡᠢ ᠰᠡᠤᠨᠬᠢᠮᠵᠢ ᠪᠤᠯ᠄ ᠲᠦᠪ᠂ | ᠥᠪᠡᠷᠳᠡᠭᠡᠨ ᠵᠠᠰᠠᠬᠤ ᠤᠷᠤᠨ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠣᠷᠢᠲᠣ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠠᠨᠠᠭᠠᠴᠢᠯᠠᠭ᠎ᠠᠡᠴᠠ ᠪᠠᠨ ᠠᠵᠣ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠭᠤᠯᠣᠨ᠂ ᠬᠡᠯᠪᠡᠷᠢ ᠶᠢ | ᠬᠤᠪᠢᠷᠠᠭᠤᠯᠣᠨ ᠬᠦᠭᠵᠢᠬᠦᠯᠬᠦ ᠪᠠᠷ ᠭᠤᠣᠯᠳᠠᠯᠭᠠᠪᠣᠯᠭᠠᠵᠤ᠂ ᠲᠣᠭᠳᠠᠭᠤᠨ ᠢᠶᠠᠷ ᠨᠡᠮᠡᠭᠳᠡᠬᠦᠯᠣᠨ ᠂ ᠲᠦᠷᠦᠯ ᠵᠦᠢᠯ ᠢ ᠠᠳᠬᠤᠵᠣ᠂ ᠪᠡᠯᠡ ᠣᠷᠣᠭᠤᠯᠣᠯᠲᠠ ᠪᠠᠨ | ᠦᠷᠬᠡᠳᠬᠡᠨ᠂ ᠠᠷᠠᠳ ᠤᠨ ᠠᠮᠢᠳᠣᠷᠠᠯ ᠢ ᠬᠠᠷᠠᠭᠠᠯᠵᠠᠵᠣ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠴᠤᠭᠴᠠᠯᠠᠯᠳᠠ ᠶᠢ ᠯᠠᠪᠳᠠᠭᠤᠨ ᠠᠬᠢᠭᠤᠯᠵᠤ᠂ | ᠬᠦᠭᠵᠢᠯᠲᠡ ᠶᠢᠨ ᠬᠦᠳᠡᠯᠬᠡᠭᠴᠢ ᠬᠦᠴᠦᠨ᠂ ᠠᠮᠢᠲᠣᠯᠢᠭ ᠬᠦᠴᠦᠨ ᠪᠠ ᠦᠷᠢᠰᠣᠯᠳᠣᠬᠦ ᠬᠦᠴᠦᠨ ᠢ ᠲᠠᠰᠣᠷᠠᠯᠲᠠ ᠦᠬᠡᠢ ᠴᠢᠩᠭᠠᠳᠬᠠᠨ᠂ ᠠᠵᠣ ᠠᠬᠤᠢ ᠨᠡᠶᠢᠬᠡᠮ | ᠤᠨ ᠬᠦᠭᠵᠢᠯᠲᠡ ᠶᠢᠨ ᠰᠢᠨ᠎ᠡ ᠪᠠᠶᠢᠳᠠᠯ ᠢ ᠡᠬᠦᠳᠣᠨᠡ᠃ | ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠥᠢᠯᠡᠳᠪᠤᠷᠢᠯᠡᠯ ᠤᠨ ᠶᠡᠷᠥᠩᠬᠡᠢ ᠥᠷᠳᠡᠭ ᠢ 10% ᠨᠡᠮᠡᠭᠳᠡᠬᠦᠯᠵᠤ᠂ 140 ᠳ᠋ᠥᠩᠰᠢᠭᠤᠷ | ᠲᠥᠭᠦᠷᠢᠭ ᠲᠤ ᠬᠦᠷᠭᠡᠨ᠎ᠡ︔ ᠲᠤᠭᠳᠠᠮᠠᠯ ᠬᠥᠷᠥᠩᠬᠡ ᠶᠢᠨ ᠪᠡᠯᠡ ᠤᠷᠤᠭᠤᠯᠤᠯᠳᠠ ᠶᠢ ᠰᠢᠨ᠎ᠡ ᠠᠷᠭ᠎ᠠ ᠪᠠᠷ ᠲᠦᠰᠣᠪᠯᠡᠨ 15% ᠣᠷᠴᠢᠮ ᠨᠡᠮᠡᠭᠳᠡᠬᠦᠯᠵᠤ᠂ 230 | ᠳ᠋ᠥᠩᠰᠢᠭᠤᠷ ᠲᠥᠭᠦᠷᠢᠭ ᠲᠤ ᠬᠦᠷᠭᠡᠨ᠎ᠡ︔ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 8%ᠨᠡᠮᠡᠭᠳᠡᠬᠦᠯᠵᠤ᠂ 15.9 ᠳ᠋ᠥᠩᠰᠢᠭᠤᠷ | ᠲᠥᠭᠦᠷᠢᠭ ᠲᠤ ᠬᠦᠷᠭᠡᠨ᠎ᠡ︔ ᠨᠡᠶᠢᠬᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ ᠶᠡᠷᠥᠩᠬᠡᠢ ᠥᠷᠳᠡᠭ ᠢ 15% ᠨᠡᠮᠡᠭᠳᠡᠬᠦᠯᠵᠤ᠂ 21.8 | ᠳ᠋ᠥᠩᠰᠢᠭᠤᠷ ᠲᠦᠭᠦᠷᠢᠭ ᠲᠤ ᠬᠦᠷᠭᠡᠨ᠎ᠡ︔ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠥᠨ ᠲᠤᠳᠤᠮ ᠤᠨ ᠡᠵᠡᠮᠳᠡᠵᠤ ᠪᠤᠯᠬᠤ ᠤᠷᠤᠯᠭ᠎ᠠ | ᠶᠢ 9% ᠪᠠ 12%ᠨᠡᠮᠡᠭᠳᠡᠬᠦᠯᠵᠤ᠂ 36075 ᠲᠦᠬᠦᠷᠢᠭ ᠪᠠ 15094 ᠲᠦᠬᠦᠷᠢᠭ ᠲᠤ ᠬᠦᠷᠭᠡᠨ᠎ᠡ᠃ | ᠲᠡᠬᠡᠷᠡᠬᠢ ᠵᠢᠱᠢᠭᠰᠡ ᠬᠠᠷᠠᠯᠲᠠ ᠶᠢ ᠬᠤᠰᠢᠭᠤᠨ ᠤ ᠪᠣᠳᠠᠲᠣ ᠪᠠᠶᠢᠳᠠᠯ ᠢᠶᠠᠨ ᠵᠠᠳᠠᠯᠣᠨ ᠰᠣᠳᠣᠯᠵᠣ᠂ ᠡᠯ᠎ᠡ ᠵᠦᠢᠯ ᠤᠨ ᠴᠢᠬᠤᠯᠠᠡᠯᠧᠮᠧᠨ᠋ᠲ ᠶᠢ ᠬᠦᠢᠴᠡᠳ | ᠪᠣᠳᠣᠯᠬᠢᠯᠠᠭᠰᠠᠨ ᠰᠠᠭᠤᠷᠢᠨ ᠲᠡᠬᠡᠷ᠎ᠡ ᠲᠣᠭᠳᠠᠭᠠᠭᠰᠠᠨ ᠶᠤᠮ᠂ ᠪᠢᠳᠠ ᠨᠠᠭᠠᠳᠣ ᠵᠠᠬ᠎ᠠ ᠳᠠᠭᠠᠨ ᠡᠶᠢᠮᠦᠷᠬᠦ ᠨᠡᠮᠡᠭᠳᠡᠯ ᠤᠨ ᠬᠤᠷᠳᠣᠴᠠ ᠶᠢ ᠪᠠᠳᠣᠯᠠᠪᠠᠯ ᠰᠠᠶ᠋ᠢ ᠪᠦᠬᠦ | ᠬᠤᠲᠠ ᠶᠢᠨ ᠲᠡᠭᠰᠢᠳᠬᠡᠭᠰᠡᠨ ᠲᠦᠪᠰᠢᠨ ᠪᠣᠯᠣᠨ ᠠᠬ᠎ᠠ ᠲᠡᠬᠦᠣ ᠬᠤᠰᠢᠭᠤ ᠲᠣᠭᠤᠷᠢᠭ ᠯᠤᠭ᠎ᠠ ᠶᠢᠨ ᠬᠦᠭᠵᠢᠯᠲᠡ ᠶᠢᠨ ᠵᠦᠷᠢᠶ᠎ᠡ ᠪᠠᠨ ᠠᠯᠬᠤᠮ ᠠᠯᠬᠤᠮ ᠢᠶᠠᠷ | ᠪᠠᠭᠠᠰᠬᠠᠵᠣ᠂ ᠡᠨᠡᠬᠦ ᠨᠡᠮᠡᠭᠳᠡᠯ ᠤᠨ ᠬᠤᠷᠳᠣᠴᠠ ᠪᠠᠨ ᠪᠡᠶᠡᠯᠡᠬᠦᠯᠪᠡᠯ ᠰᠠᠶ᠋ᠢ ᠮᠠᠨ ᠤ ᠬᠤᠰᠢᠭᠤᠨ ᠤ ᠬᠦᠭᠵᠢᠯᠲᠡ ᠶᠢᠨ ᠬᠦᠴᠢᠷᠲᠡᠯ ᠪᠠ ᠠᠰᠠᠭᠤᠳᠠᠯ ᠢ | ᠰᠢᠢᠳᠪᠣᠷᠢᠯᠡᠵᠣ ᠴᠢᠳᠠᠬᠤ ᠶᠤᠮ᠃ ᠡᠶᠢᠮᠣ ᠠᠴᠠ ᠪᠢᠳᠠ ᠪᠦᠬᠦ ᠬᠦᠴᠦᠨ ᠢᠶᠠᠷ ᠬᠠᠷᠠᠯᠲᠠ ᠪᠠᠨ ᠪᠡᠶᠡᠯᠡᠬᠦᠯᠬᠦ ᠶᠢᠨ ᠬᠠᠮᠲᠣ ᠪᠣᠳᠠᠲᠣ ᠦᠢᠯᠡᠳᠣᠯᠬᠡ ᠲᠣᠮᠳᠠ ᠨᠡᠩ | ᠰᠠᠶᠢᠨ ᠪᠦᠳᠣᠮᠵᠢ ᠭᠠᠷᠭᠠᠬᠤ ᠪᠠᠷ ᠴᠢᠷᠮᠠᠶᠢᠨ᠎ᠠ᠃ | ︵ᠨᠢᠭᠡ︶ ᠠᠵᠣ ᠦᠢᠯᠡᠳᠪᠣᠷᠢ ᠶᠢᠨ ᠠᠵᠣ ᠠᠬᠤᠢ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠲᠡᠭᠡᠭᠰᠢᠯᠡᠭᠦᠯᠦᠨ᠎ᠠ᠃ ᠨᠢᠬᠡ ᠳᠤ ᠨᠡᠬᠦᠷᠡᠰᠣ ᠴᠠᠬᠢᠯᠭᠠᠨ | ᠬᠢᠮᠢ ᠶᠢᠨ ᠭᠤᠣᠯᠳᠠᠯᠭᠠᠳᠣ ᠲᠦᠷᠦᠯ ᠵᠦᠢᠯ ᠤᠨ ᠣᠷᠣᠨᠵᠢᠭᠤᠯᠣᠯᠲᠠ ᠶᠢ ᠠᠬᠢᠭᠤᠯᠣᠨ᠎ᠠ᠃ ᠴᠠᠬᠢᠯᠭᠠᠨ ᠬᠦᠷᠬᠡᠬᠦ ᠱᠣᠭᠤᠮ᠂ ᠶᠡᠷᠣᠩᠬᠡᠢ ᠬᠡᠪᠴᠢᠶᠡᠵᠢᠯ ᠨᠢ ᠮᠢᠩᠭᠠᠨ | ᠲᠦᠮᠡᠨ ᠺᠢᠯᠣᠸᠠᠲ ᠤᠨ ᠲᠠᠪᠣᠨ ᠶᠡᠭᠡ ᠴᠠᠬᠢᠯᠭᠠᠨ ᠡᠬᠢ ᠶᠢᠨ ᠴᠡᠭ᠂ ᠬᠤᠸᠠ ᠰᠢᠩ ᠤᠨ40 ᠳ᠋ᠥᠩᠰᠢᠭᠤᠷ ᠺᠦᠪ ᠮᠧᠲᠷ ᠨᠡᠬᠦᠷᠡᠰᠣ ᠪᠠᠷ ᠰᠢᠳᠡᠮᠬᠠᠢ ᠬᠡᠢ ᠦᠢᠯᠡᠳᠬᠦ | ᠲᠦᠷᠦᠯ ᠵᠣᠶᠢᠯ ᠢᠶᠠᠷ ᠭᠤᠣᠯ ᠪᠣᠯᠭᠠᠨ᠂ ᠪᠦᠬᠦ ᠬᠤᠰᠢᠭᠤᠨ ᠤ ᠬᠦᠴᠦᠨ ᠢᠶᠠᠷ ᠴᠣᠬᠤᠯᠠᠪᠣᠷᠢᠯᠠᠭᠤᠯᠬᠤ ᠠᠬᠢᠴᠠ ᠶᠢ ᠲᠦᠷᠬᠡᠳᠬᠡᠵᠣ᠂ ᠪᠠᠷᠢᠯᠭ᠎ᠠ ᠶᠢ ᠡᠷᠲᠡ | ᠡᠬᠢᠯᠡᠭᠦᠯᠬᠦ ᠶᠢ ᠪᠠᠳᠣᠯᠠᠨ᠂ ᠲᠣᠰ ᠵᠢᠯ ᠳᠤ ᠵᠣᠬᠢᠬᠤ ᠬᠡᠮᠵᠢᠶᠡᠨ ᠤ ᠪᠡᠯᠡ ᠣᠷᠣᠭᠤᠯᠣᠯᠲᠠ ᠶᠢ ᠪᠡᠶᠡᠯᠡᠬᠦᠯᠵᠣ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ | ᠭᠠᠵᠠᠷ ᠤᠨ ᠠᠵᠣ ᠦᠢᠯᠡᠰ ᠤᠨ ᠲᠡᠰ ᠲᠠᠪᠬᠤᠷᠭ᠎ᠠ ᠪᠠ ᠬᠢᠷᠢ ᠲᠦᠪᠰᠢᠨ ᠢ ᠲᠡᠬᠡᠭᠰᠢᠯᠡᠬᠦᠯᠣᠨᠡ᠃ ᠨᠡᠬᠦᠷᠡᠰᠣ᠂ ᠨᠡᠬᠦᠷᠡᠰᠣᠨ ᠬᠢᠮᠢ᠂ LNG ᠶᠢᠨ ᠶᠠᠪᠣᠭᠳᠠᠵᠣ | ᠪᠠᠶᠢᠭ᠎ᠠ ᠲᠦᠷᠦᠯ ᠵᠦᠢᠯ ᠤᠨ ᠠᠬᠢᠴᠠ ᠶᠢ ᠲᠦᠷᠬᠡᠳᠬᠡᠵᠣ᠂ ᠵᠢᠯ ᠤᠨ ᠡᠴᠣᠰ ᠠᠴᠠ ᠡᠮᠣᠨ᠎ᠡ 130 ᠲᠦᠮᠡᠨ ᠲᠣᠨ ᠨᠡᠭᠦᠷᠡᠰᠦ ᠬᠡᠤᠷᠰᠢᠬᠦᠯᠬᠦ ᠤᠯᠠᠨ ᠬᠤᠯᠪᠤᠭᠠᠲᠤ | ᠥᠢᠯᠡᠳᠪᠤᠷᠢᠯᠡᠯ ᠂ ᠺᠧ ᠰᠧ ᠤᠨ 40 ᠲᠥᠮᠡᠨ ᠲᠤᠨ ᠤ LNG ᠶᠢᠨ ᠲᠥᠷᠥᠯ ᠵᠥᠢᠯ ᠤᠨ ᠲᠣᠷᠰᠢᠨ ᠦᠢᠯᠡᠳᠪᠣᠷᠢᠯᠡᠬᠦ ᠨᠦᠬᠦᠴᠡᠯ ᠢ ᠪᠦᠷᠢᠯᠳᠣᠬᠦᠯᠵᠣ᠂ ᠱᠢ | ᠳ᠋ᠠ ᠶᠢᠨ 20 ᠲᠥᠮᠡᠨ ᠲᠤᠨ LNG ᠶᠢᠨ ᠲᠥᠷᠥᠯ ᠵᠥᠢᠯ ᠢ ᠲᠡᠬᠡᠷ᠎ᠡ ᠬᠠᠭᠠᠰ ᠵᠢᠯ ᠳᠤ ᠠᠰᠢᠭᠯᠠᠯᠳᠠ ᠳᠤ ᠣᠷᠣᠭᠤᠯᠣᠨ᠂ ᠲᠢᠶᠠᠨ ᠯᠢ ᠹᠧᠩ ᠤᠨ 60 | ᠲᠥᠮᠡᠨ ᠲᠤᠨ ᠤ LNG ᠂ ᠪᠠᠯᠠᠩ ᠤᠨ ᠠᠭᠤᠷᠬᠠᠢ ᠵᠡᠷᠬᠡ ᠲᠥᠷᠥᠯ ᠵᠥᠢᠯ ᠤᠨ ᠪᠠᠷᠢᠯᠭ᠎ᠠ ᠶᠢ ᠡᠬᠢᠯᠡᠬᠦᠯᠣᠨᠡ᠃ ᠨᠡᠬᠦᠷᠡᠰᠣ᠂ ᠨᠡᠬᠦᠷᠡᠰᠣᠨ ᠬᠢᠮᠢ᠂ ᠰᠢᠳᠠᠮᠠᠬᠠᠢ | ᠬᠡᠢ ᠶᠢᠨ ᠭᠠᠷᠣᠯᠳᠠ ᠶᠢ ᠲᠣᠰᠪᠣᠷᠢ 1000 ᠲᠦᠮᠡᠨ ᠲᠣᠨ᠂ 150 ᠲᠦᠮᠡᠨ ᠲᠣᠨ ᠪᠠ 60 ᠳ᠋ᠦᠩᠰᠢᠭᠤᠷ ᠺᠦᠪ ᠮᠧᠲᠷ ᠳᠤ ᠬᠦᠷᠬᠡᠵᠤ᠂ LNG ᠶᠢᠨ | ᠥᠢᠯᠡᠳᠪᠥᠷᠢᠯᠡᠯ ᠤᠨ ᠴᠢᠳᠠᠪᠬᠢ ᠶᠢ 160 ᠲᠥᠮᠡᠨ ᠲᠤᠨ ᠬᠦᠷᠬᠡᠨ᠎ᠡ᠃ ᠬᠤᠶᠠᠷ ᠲᠤ ᠲᠥᠷᠥᠯ ᠵᠥᠢᠯ ᠤᠨ ᠴᠢᠬᠤᠯᠠ ᠡᠯᠧᠮᠧᠨ᠋ᠲ ᠤᠨ ᠭᠥᠯᠢᠶᠡᠰᠥᠯᠡᠯ ᠢ ᠡᠪᠳᠡᠨ᠎ᠡ᠃ | ᠢᠳᠡᠪᠬᠢᠲᠠᠢ ᠪᠠᠷ ᠣᠯᠣᠰ ᠂ ᠦᠪᠡᠷᠲᠡᠬᠡᠨ ᠵᠠᠰᠠᠬᠤ ᠣᠷᠣᠨ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠯᠴᠠᠨ᠂ ᠨᠡᠩ ᠠᠷᠪᠢᠨ ᠬᠠᠪᠰᠣᠷᠣᠯᠭ᠎ᠠ | ᠲᠡᠮᠵᠢᠯᠬᠡ ᠣᠯᠵᠣ᠂ ᠠᠰᠠᠭᠤᠳᠠᠯ ᠢ ᠰᠢᠢᠳᠪᠣᠷᠢᠯᠡᠬᠦ ᠠᠷᠭ᠎ᠠ ᠠᠪᠴᠠᠯ ᠰᠦᠪᠡᠭᠴᠢᠯᠡᠵᠣ᠂ ᠣᠨᠴᠠᠭᠠᠶᠢᠯᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠠᠴᠠ ᠴᠢᠬᠤᠯᠠ ᠡᠯᠧᠮᠧᠨ᠋ᠲ ᠤᠨ ᠲᠣᠬᠢᠷᠠᠭᠤᠯᠭ᠎ᠠ ᠶᠢ ᠴᠡᠭᠴᠡᠯᠡᠬᠦ ᠲᠣᠬᠢᠶᠠᠯ ᠢ ᠡᠵᠡᠮᠳᠡᠵᠣ᠂ ᠠᠵᠣ ᠠᠬᠤᠶᠢᠯᠠᠯ ᠢ ᠬᠠᠪᠰᠣᠷᠣᠨ ᠣᠰᠣ᠂ ᠣᠷᠴᠢᠨ ᠲᠣᠭᠤᠷᠢᠨ ᠤ | ᠪᠠᠭᠲᠠᠭᠠᠮᠵᠢ᠂ ᠭᠠᠵᠠᠷ ᠰᠢᠷᠣᠢ᠂ ᠪᠡᠯᠡ ᠮᠦᠩᠬᠦ᠂ ᠰᠢᠲᠠᠮᠠᠬᠠᠢ ᠬᠡᠢ ᠶᠢᠨ ᠵᠢᠭᠠᠯᠲᠠ ᠵᠡᠷᠬᠡ ᠴᠢᠬᠤᠯᠠ ᠡᠯᠧᠮᠧᠨ᠋ᠲ ᠤᠨ ᠬᠦᠯᠢᠶᠡᠰᠣᠯᠡᠯ ᠢ ᠰᠢᠢᠳᠪᠣᠷᠢᠯᠡᠵᠣ᠂ ᠲᠦᠷᠦᠯ | ᠵᠦᠢᠯ ᠤᠨ ᠪᠠᠶᠢᠭᠤᠯᠣᠯᠲᠠ ᠶᠢ ᠲᠦᠷᠬᠡᠳᠬᠡᠨ᠎ᠡ᠃ ᠣᠶᠢᠷ᠎ᠠ ᠶᠢᠨ ᠬᠤᠭᠤᠴᠠᠭᠠᠨ ᠳᠤ ᠬᠤᠸᠠ ᠰᠢᠩ ᠤᠨᠲ᠋ᠦ᠋ᠷᠦᠯ ᠵᠦᠢᠯ ᠤᠨ ᠣᠰᠣ ᠬᠡᠷᠡᠭᠯᠡᠬᠦ ᠵᠢᠭᠠᠯᠲᠠ ᠶᠢ | ᠰᠢᠢᠳᠪᠣᠷᠢᠯᠡᠨ᠂ ᠲᠤᠰ ᠵᠢᠯ ᠳᠤ 5 ᠳ᠋ᠥᠩᠰᠢᠭᠤᠷ ᠺᠦᠪᠮᠧᠲᠷ ᠠᠴᠠ ᠲᠡᠭᠡᠭᠰᠢᠬᠢ ᠰᠢᠳᠠᠮᠠᠬᠠᠢ ᠬᠡᠢ ᠶᠢᠨ ᠵᠢᠭᠠᠯᠳᠠ ᠵᠥᠪᠰᠢᠶᠡᠷᠡᠯ ᠤᠷᠤᠨᠵᠢᠭᠤᠯᠵᠤ᠂ ᠲᠥᠷᠥᠯ | ᠵᠥᠢᠯ ᠤᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃ ᠭᠤᠷᠪᠠ ᠳᠤ ᠬᠦᠷᠢᠶᠡᠯᠡᠩ ᠲᠣᠭᠤᠷᠢᠭ ᠤᠨ ᠴᠢᠳᠠᠪᠬᠢ ᠶᠢ ᠲᠦᠬᠦᠷᠵᠢᠬᠦᠯᠣᠨ ᠲᠡᠬᠦᠯᠳᠡᠷᠵᠢᠬᠦᠯᠣᠨᠡ | ᠃ ᠭᠥᠷᠢᠶᠡᠯᠠᠩ ᠲᠤᠭᠤᠷᠢᠭ ᠲᠤ ᠰᠢᠨ᠎ᠡ ᠪᠠᠷ 137.8 ᠺᠢᠯᠣᠮᠧᠲᠷ ᠴᠠᠷᠳᠠᠮᠠᠯ ᠵᠠᠮ ᠵᠠᠰᠠᠵᠣ᠂ ᠱᠠᠩᠬᠠᠢ ᠶᠢᠨ ᠰᠥᠮᠡᠬᠦ᠋ᠷᠢᠶᠡᠯᠡᠩ ᠲᠤᠭᠤᠷᠢᠭ ᠪᠤᠯᠤᠨ ᠨᠡᠬᠦᠷᠡᠰᠣᠨ | ᠴᠢᠯᠠᠭᠤᠨ ᠲᠠᠯᠠᠪᠠᠢ᠂ ᠭᠡᠥᠷᠡᠰᠥᠨ ᠰᠢᠭᠠᠷᠤ ᠶᠢᠨ ᠲᠠᠯᠠᠪᠠᠢ᠂ ᠲᠥᠷ ᠠᠬᠤᠭᠤᠯᠬᠤ ᠴᠥᠭᠦᠷᠥᠮ᠂ ᠭᠥᠶᠥᠳᠡᠯ ᠨᠡᠶᠢᠤᠨᠬᠡᠬᠦ ᠥᠷᠳᠡᠭᠡ᠂ ᠲᠠᠪᠣᠨ ᠶᠡᠭᠡ ᠴᠠᠬᠢᠯᠭᠠᠨ | ᠦᠢᠯᠡᠳᠪᠣᠷᠢ ᠶᠢᠨ ᠬᠤᠭᠤᠷᠤᠨᠳᠤᠬᠢ ᠵᠠᠮ ᠤᠳ ᠢ ᠭᠤᠤᠯᠳᠠᠯᠭᠠᠳᠠᠢ ᠲᠡᠪᠢᠰᠥᠨ᠂ ᠤᠯᠵᠠᠴᠢ ᠶᠢᠨ ᠶᠡᠷᠥᠩᠭᠡᠶᠢᠯᠡᠭᠰᠡᠨ ᠭᠥᠷᠢᠶᠡᠯᠠᠩ ᠤᠨ ᠲᠦᠬᠦᠷᠴᠢᠯᠡᠭᠰᠡᠨ ᠵᠠᠮ ᠢ | ᠨᠡᠪᠳᠡᠷᠡᠭᠦᠯᠵᠥ᠂ ᠬᠦᠷᠢᠶᠡᠯᠡᠩᠲ᠋ᠤᠭᠤᠷᠢᠭ ᠤᠨ ᠴᠢᠳᠠᠪᠬᠢ ᠶᠢ ᠪᠦᠷᠢᠨᠰᠢᠬᠦᠯᠣᠨ ᠠᠴᠢᠶᠠᠯᠠᠯ ᠢ ᠴᠢᠩᠭᠠᠳᠬᠠᠵᠣ᠂ ᠲᠥᠷᠥᠯ ᠵᠥᠢᠯ ᠤᠨ ᠣᠷᠣᠨᠵᠢᠯᠲᠠ ᠳᠤ ᠨᠥᠭᠦᠴᠡᠯ | ᠪᠥᠷᠢᠯᠳᠥᠭᠦᠯᠥᠨ᠎ᠡ᠃ ᠮᠠᠩᠬᠠᠳᠤ᠂ ᠬᠡᠷᠡᠮ ᠤᠨ ᠭᠤᠤᠯ᠂ ᠤᠯᠵᠠᠴᠢ ᠪᠤᠯᠤᠨ ᠬᠤᠩ ᠴᠢ ᠵᠡᠷᠭᠡ ᠴᠠᠬᠢᠯᠭᠠᠨ ᠪᠠᠭᠳᠠᠭᠠᠮᠵᠢ ᠨᠡᠮᠡᠭᠳᠡᠭᠦᠯᠥᠨ ᠭᠥᠴᠥᠳᠡᠯ ᠬᠤᠪᠢᠰᠬᠠᠬᠤ | ᠢᠨᠵᠧᠨᠧᠷᠢᠩ ᠤᠳ ᠢ ᠡᠬᠢᠯᠡᠭᠦᠯᠥᠨ᠂ ᠠᠵᠣ ᠦᠢᠯᠡᠳᠪᠣᠷᠢ ᠶᠢᠨ ᠬᠦᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ ᠪᠠᠷᠢᠯᠭ᠎ᠠ ᠡᠬᠢᠯᠡᠬᠦᠯᠬᠦ ᠲᠦᠷᠦᠯ ᠵᠦᠢᠯ ᠤᠨ ᠣᠰᠣ | ᠴᠠᠬᠢᠯᠭᠠᠨ ᠵᠠᠮ ᠴᠢᠮᠡᠭᠡ ᠨᠡᠪᠲᠡᠷᠡᠯᠬᠡ ᠵᠡᠷᠬᠡ ᠰᠠᠭᠤᠷᠢ ᠨᠦᠬᠦᠴᠡᠯ ᠢ ᠡᠷᠲᠡ ᠠᠴᠠ ᠨᠢ ᠨᠠᠶᠢᠳᠠᠪᠣᠷᠢᠵᠢᠭᠤᠯᠣᠨ᠎ᠠ᠃ ᠲᠦᠷᠪᠡ ᠳᠤ ᠨᠢᠬᠡ ᠪᠦᠯᠦᠭ ᠠᠵᠣ ᠦᠢᠯᠡᠰ ᠤᠨ | ᠰᠢᠨ᠎ᠡ ᠲᠦᠷᠦᠯ ᠵᠦᠢᠯ ᠢ ᠪᠦᠷᠢᠯᠳᠣᠬᠦᠯᠣᠨᠡ᠃ ᠲᠦᠷᠦᠯ ᠵᠦᠢᠯ ᠤᠨ ᠬᠦᠮᠦᠷᠬᠡ ᠪᠠᠷ ᠭᠤᠣᠯ ᠪᠣᠯᠭᠠᠨ ᠠᠷᠠᠯᠵᠢᠶᠠᠴᠢᠨ ᠣᠷᠢᠵᠣ ᠪᠡᠯᠡ ᠲᠠᠲᠠᠬᠤ ᠡᠷᠴᠢᠮ ᠢᠶᠠᠨ | ᠴᠢᠩᠭᠠᠷᠠᠭᠤᠯᠵᠣ᠂ ᠣᠨᠴᠠᠭᠠᠶᠢᠯᠠᠨ ᠨᠢᠩ ᠳ᠋ᠦᠩ ᠰᠠᠭᠤᠷᠢᠨ ᠭᠠᠵᠠᠷ ᠠᠴᠠ ᠢᠯᠭᠠᠭ᠎ᠠ ᠲᠠᠢ ᠬᠦᠭᠵᠢᠬᠦᠯᠣᠨ᠂ ᠭᠤᠣᠯᠳᠠᠯᠭ᠎ᠠ ᠲᠠᠢ ᠪᠠᠷ ᠨᠢᠬᠡ ᠪᠦᠯᠦᠭ ᠳᠡᠬᠡᠳᠤ | ᠳᠡᠰᠵᠢᠭᠰᠡᠨ᠂ ᠨᠠᠷᠢᠯᠢᠭᠵᠢᠭᠤᠯᠤᠭᠰᠡᠨ ᠨᠡᠬᠦᠷᠡᠰᠣ᠂ ᠨᠡᠬᠦᠷᠡᠰᠣᠨ ᠬᠢᠮᠢ ᠶᠢᠨ ᠲᠣᠣᠷᠠᠲᠣ ᠣᠷᠣᠰᠬᠠᠯ ᠤᠨ ᠠᠵᠣ ᠦᠢᠯᠡᠰ ᠤᠨ ᠲᠦᠷᠦᠯ ᠵᠦᠢᠯ ᠢ ᠣᠷᠣᠭᠤᠯᠵᠣ᠂ | ᠵᠣᠬᠢᠴᠠᠩᠭᠤᠢ ᠬᠦᠭᠵᠢᠯᠲᠡ ᠶᠢᠨ ᠦᠷ᠎ᠡ ᠠᠰᠢᠭ ᠢ ᠪᠣᠢ ᠪᠣᠯᠭᠠᠵᠣ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ | ᠬᠡᠪᠴᠢᠶᠡᠵᠢᠯ ᠢ ᠶᠡᠬᠡᠳᠬᠡᠨ᠂ ᠶᠡᠭᠡ ᠲᠣᠮᠳᠠ ᠪᠠᠭ᠎ᠠ ᠬᠠᠷᠢᠯᠴᠠᠨ ᠨᠦᠬᠦᠪᠣᠷᠢᠯᠡᠭᠰᠡᠨ ᠠᠵᠣ ᠦᠢᠯᠡᠰ ᠤᠨ ᠰᠦᠷᠣᠭ᠍ᠵᠢᠯ ᠢ ᠪᠦᠷᠢᠯᠳᠣᠬᠦᠯᠣᠨᠡ᠃ ᠴᠡᠪᠡᠷ ᠡᠨᠧᠷᠬᠢ ᠪᠠ | ᠰᠢᠨ᠎ᠡ ᠡᠨᠧᠷᠬᠢ ᠶᠢᠨ ᠠᠵᠣ ᠦᠢᠯᠡᠰ ᠤᠨ ᠬᠦᠭᠵᠢᠯᠲᠡ ᠶᠢ ᠲᠦᠷᠬᠡᠳᠬᠡᠵᠣ᠂ ᠷᠥᠨ ᠪᠥᠸᠧ ᠶᠢᠨ 33 ᠰᠠᠶ᠎ᠠ ᠸᠠᠲ ᠤᠨ ᠨᠠᠷᠠᠨ ᠴᠠᠬᠢᠯᠭᠠᠨ ᠤ ᠲᠥᠷᠥᠯ ᠵᠥᠢᠯ ᠢ 3 | ᠰᠠᠷ᠎ᠠ ᠳᠤ ᠴᠠᠬᠢᠯᠭᠠᠨ ᠭᠥᠴᠥᠨ ᠲᠤᠤᠷ ᠲᠤ ᠠᠰᠢᠭᠯᠠᠭᠤᠯᠤᠨ᠂ ᠰᠠᠨᠠᠮᠵᠢ ᠲᠠᠢ ᠮᠦᠷᠲᠡᠬᠡᠨ ᠪᠣᠳᠠᠲᠣ ᠬᠦᠴᠦᠨ ᠴᠢᠩᠭ᠎ᠠ 26 ᠰᠢᠨ᠎ᠡ ᠡᠨᠧᠷᠬᠢ ᠶᠢᠨ ᠠᠵᠣ | ᠠᠬᠤᠶᠢᠯᠠᠯ ᠤᠨ ᠨᠢᠬᠡ ᠪᠦᠯᠣᠭ᠌ ᠲᠦᠷᠦᠯ ᠵᠦᠢᠯ ᠢ ᠰᠣᠩᠭᠤᠨ ᠭᠤᠣᠯᠳᠠᠯᠭ᠎ᠠ ᠲᠠᠢ ᠠᠬᠢᠭᠤᠯᠵᠣ᠂ ᠤᠯᠠᠨ ᠡᠰᠢᠲᠣ ᠴᠡᠪᠡᠷ ᠡᠨᠧᠷᠬᠢ ᠶᠢᠨ ᠠᠵᠤ ᠥᠢᠯᠡᠰ ᠤᠨ | ᠰᠢᠰᠲ᠋ᠧᠮ ᠢ ᠪᠥᠷᠢᠯᠳᠥᠭᠦᠯᠥᠨ᠎ᠡ᠃ ᠵᠠᠰᠠᠭ ᠤᠨ ᠤᠷᠳᠤᠨ ᠠᠴᠠ ᠪᠡᠯᠡ ᠣᠷᠣᠯᠴᠠᠭᠤᠯᠬᠤ ᠵᠠᠭᠪᠣᠷ ᠢᠶᠠᠷ ᠨᠡᠭᠦᠷᠡᠰᠥᠨ ᠲᠠᠪᠬᠤᠷᠭ᠎ᠠ ᠶᠢᠨ ᠭᠡᠢ᠂ ᠵᠠᠨᠠᠷ ᠤᠨ ᠭᠡᠢ᠂ | ᠰᠢᠩᠭᠡᠨ ᠲᠥᠯᠥᠪᠳᠥ ᠭᠠᠰ ᠵᠡᠷᠭᠡ ᠶᠡᠷᠥᠳᠡ ᠶᠢᠨ ᠪᠤᠰᠤ ᠲᠤᠰᠤ ᠬᠡᠢ ᠶᠢᠨ ᠡᠬᠢ ᠰᠤᠷᠪᠤᠯᠵᠢ ᠶᠢᠨ ᠬᠠᠶᠢᠯᠳᠠ ᠨᠡᠭᠡᠭᠡᠯᠳᠡ ᠶᠢ ᠲᠥᠷᠭᠡᠳᠭᠡᠵᠥ᠂ ᠠᠵᠤ ᠥᠢᠯᠡᠰ ᠤᠨ | ᠲᠡᠰ ᠲᠥᠪᠰᠢᠨ ᠢ ᠲᠡᠭᠡᠭᠰᠢᠯᠡᠭᠦᠯᠥᠨ ᠬᠦᠭᠵᠢᠯᠲᠡ ᠶᠢᠨ ᠲᠠᠯᠳᠠ ᠭᠥᠴᠥᠨ ᠢ ᠨᠢ ᠭᠥᠭᠵᠢᠭᠡᠨ᠎ᠡ᠃ | ︵ ᠬᠤᠶᠠᠷ︶ ᠠᠷᠠᠳ ᠤᠨ ᠠᠮᠢᠳᠦᠷᠠᠯ ᠤᠨ ᠲᠦᠭᠡᠮᠡᠯ ᠬᠠᠷᠠᠭᠠᠯᠵᠠᠯ ᠤᠨ ᠦᠷᠡᠠᠰᠢᠭ ᠢ ᠦᠷᠬᠡᠳᠬᠡᠨ᠎ᠡ᠃ ᠦᠨᠦ ᠵᠢᠯ ᠵᠢᠷᠭᠤᠭᠠᠨ ᠪᠣᠳᠠᠲᠣ ᠶᠠᠪᠣᠳᠠᠯ ᠢ | ᠪᠦᠲᠣᠬᠡᠨᠡ᠃ ᠨᠢᠭᠡ ᠳᠤ ᠠᠷᠠᠯᠠᠢ ᠠᠴᠠ ᠦᠤᠳᠢ ᠬᠦᠷᠬᠦ᠂ ᠮᠠᠯᠠᠳ ᠠᠴᠠ ᠬᠡᠷᠡᠩᠭᠡᠳᠦ ᠬᠦᠷᠭᠦ ᠵᠡᠷᠬᠡ 74 ᠺᠢᠯᠦᠮᠧᠲᠷ ᠤᠨ ᠴᠠᠷᠳᠠᠮᠠᠯ ᠵᠠᠮ ᠢ ᠰᠢᠨ᠎ᠠ ᠵᠠᠰᠠᠵᠣ᠂ | ᠵᠣᠤᠬ᠎ᠠ ᠠᠴᠠ ᠢᠮᠠᠭᠠᠯᠠᠢ ᠬᠦᠷᠬᠦ᠂ ᠠᠳᠣᠭᠤᠨ ᠬᠤᠳᠳᠤᠭ ᠠᠴᠠ ᠣᠯᠠᠭᠠᠨᠳᠣᠪᠣᠩ ᠬᠦᠷᠬᠦ 83 ᠺᠢᠯᠦᠮᠧᠲᠷ ᠤᠨ ᠴᠠᠷᠳᠠᠮᠠᠯ ᠵᠠᠮ ᠢ ᠦᠷᠭᠦᠯᠵᠢᠯᠠᠨ ᠵᠠᠰᠠᠵᠣ᠂ | ᠬᠤᠳᠠ ᠬᠦᠳᠡᠭᠡ ᠶᠢ ᠬᠤᠯᠪᠣᠭᠰᠠᠨ ᠵᠠᠮ ᠱᠣᠭᠤᠮ ᠢ ᠨᠡᠪᠳᠡᠷᠡᠭᠦᠯᠦᠨ᠎ᠠ᠃ ᠬᠤᠶᠠᠷ ᠲᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠪᠠᠶᠢᠭᠤᠯᠵᠣ᠂ | ᠠᠬᠠᠮᠠᠤᠨ ᠺᠠᠳ᠋ᠷᠴᠤᠤᠨ ᠤᠨ ᠠᠵᠢᠯᠯᠠᠭᠠᠨ ᠤ ᠳᠠᠯᠠᠪᠤᠷ ᠢ ᠴᠡᠭᠴᠡᠵᠢᠬᠦᠯᠤᠨ ᠳᠡᠬᠦᠯᠳᠡᠷᠵᠢᠬᠦᠯᠵᠤ᠂ ᠠᠷᠠᠳ ᠣᠯᠠᠨ ᠪᠠ ᠠᠬᠠᠮᠠᠤᠨ ᠺᠠᠳ᠋ᠷᠴᠤᠤᠨ ᠲᠤ ᠰᠠᠷᠠᠭᠤᠯ | ᠲᠣᠬᠢᠯᠢᠭ ᠪᠡᠶ᠎ᠡ ᠴᠢᠬᠢᠷᠠᠭᠵᠢᠭᠤᠯᠬᠤ ᠣᠷᠣᠨ ᠵᠠᠢ ᠬᠠᠩᠭᠠᠨ᠂ ᠪᠦᠬᠦ ᠠᠷᠠᠳ ᠤᠨ ᠬᠡᠪ ᠴᠢᠨᠠᠷ ᠢ ᠲᠡᠭᠡᠭᠰᠢᠯᠡᠭᠦᠯᠦᠨ᠎ᠠ᠃ ᠭᠤᠷᠪᠠ ᠳᠤ ᠪᠦᠬᠦ ᠬᠤᠰᠢᠭᠤᠨ ᠤ | ᠴᠡᠪᠡᠷᠯᠡᠭᠡᠨ ᠤ ᠠᠵᠢᠯᠴᠢᠨ᠂ ᠠᠵᠢᠯ ᠤᠨ ᠪᠠᠶᠢᠷᠢᠨ ᠳᠤ ᠪᠠᠨ ᠪᠠᠶᠢᠭ᠎ᠠ ᠵᠢᠩᠬᠢᠨᠢ ᠪᠠᠭᠰᠢ ᠠᠵᠢᠯᠳᠠᠨ᠂ ᠠᠵᠢᠯ ᠠᠴᠠ ᠪᠠᠨ ᠠᠮᠠᠷᠠᠭᠰᠠᠨ ᠪᠠᠭᠰᠢ ᠳᠤ ᠵᠢᠯ ᠪᠦᠷᠢ ᠦᠨ᠎ᠡ | ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠣ ᠦᠭᠭᠦᠨ᠎ᠠ᠂ ᠴᠡᠪᠡᠷᠯᠡᠭᠡᠨ ᠤ ᠠᠵᠢᠯᠴᠢᠨ ᠳᠤ ᠦᠷᠯᠦᠭᠡᠨ ᠤ ᠬᠤᠭᠤᠯᠠᠨ ᠤ ᠨᠦᠬᠦᠪᠦᠷᠢ ᠣᠯᠭᠤᠵᠣ ᠂ | ᠵᠠᠰᠠᠭ ᠤᠨ ᠣᠷᠳᠣᠨ ᠠᠴᠠ ᠠᠳᠡᠭᠳᠡᠯ ᠤᠨ ᠲᠠᠭᠠᠳᠬᠠᠯ ᠢ ᠨᠢ ᠣᠷᠣᠯᠠᠨ ᠲᠣᠰᠢᠶᠠᠨ᠎ᠠ᠃ ᠲᠦᠷᠪᠡ ᠳᠤ ᠤᠷᠢᠳᠠᠪᠠᠷ ᠪᠠᠶᠢᠭᠤᠯᠵᠣ ᠲᠠᠷᠠᠭ᠎ᠠ ᠨᠢ ᠨᠦᠬᠦᠪᠦᠷᠢᠯᠡᠬᠦ ᠲᠦᠷᠦ | ᠶᠢᠨ ᠪᠣᠳᠣᠯᠭ᠎ᠠ ᠶᠢ ᠬᠡᠷᠡᠭᠵᠢᠭᠦᠯᠵᠣ᠂ ᠲᠣᠰᠣᠯᠭᠠᠨ ᠣᠰᠣᠯᠠᠬᠤ ᠮᠡᠷᠭᠡᠵᠢᠯ ᠢ ᠲᠦᠭᠡᠮᠡᠯᠵᠢᠭᠦᠯᠬᠦ ᠶᠢ ᠵᠣᠷᠢᠭᠵᠢᠭᠤᠯᠵᠣ᠂ ᠠᠷᠪᠢᠳᠠᠢ ᠣᠰᠣᠯᠠᠯᠳᠠ ᠶᠢ ᠰᠢᠨ᠎ᠠ ᠪᠠᠷ 10 | ᠲᠦᠮᠡᠨ ᠮᠣ᠋ ᠨᠡᠮᠡᠭᠳᠡᠭᠦᠯᠵᠣ᠂ ᠣᠰᠣᠨ ᠤ ᠡᠬᠢ ᠰᠣᠷᠪᠣᠯᠵᠢ ᠶᠢ ᠦᠷᠭᠦᠯᠵᠢᠬᠦᠶᠢᠴᠡ ᠠᠰᠢᠭᠯᠠᠨ᠎ᠠ᠃ ᠲᠠᠪᠤ ᠳᠤ ᠣᠯᠵᠠᠴᠢ ᠪᠠᠯᠭᠠᠰᠦᠨ ᠳᠤ ᠨᠡᠶᠢᠳᠡ ᠶᠢᠨ ᠮᠠᠰᠢᠨ ᠤ | ᠵᠠᠮ ᠱᠣᠭᠤᠮ ᠨᠡᠪᠳᠡᠷᠡᠭᠦᠯᠵᠣ᠂ ᠨᠡᠶᠢᠳᠡ ᠶᠢᠨ ᠮᠠᠰᠢᠨ ᠤ ᠦᠷᠳᠡᠭᠡ ᠶᠢ ᠲᠣᠬᠢᠷᠠᠮᠵᠢᠳᠠᠢ ᠪᠠᠶᠢᠷᠢᠯᠠᠭᠤᠯᠵᠣ ᠂ ᠠᠷᠠᠳ ᠣᠯᠠᠨ ᠳᠤ ᠲᠦᠭᠦᠮ ᠦᠵᠡᠭᠦᠯᠦᠨ᠎ᠠ᠃ | ᠵᠢᠷᠭᠤᠭ᠎ᠠ ᠳᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ 10 ᠺᠢᠯᠦᠮᠧᠲᠷ ᠵᠠᠶᠢᠳᠠᠢ᠂ 45 ᠨᠠᠰᠦᠨ ᠠᠴᠠ ᠲᠡᠭᠡᠭᠰᠢᠬᠢ 4463 ᠡᠷᠦᠭᠡ ᠶᠢᠨ ᠮᠠᠯᠴᠢᠨ ᠲᠠᠷᠢᠶᠠᠴᠢᠨ | ᠳᠤ ᠪᠠᠴᠢᠮ ᠠᠪᠣᠷᠠᠬᠤ《 ᠡᠮ ᠤᠨ ᠬᠠᠶᠢᠷᠴᠠᠭ 》ᠲᠠᠷᠬᠠᠭᠠᠵᠣ᠂ ᠠᠷᠠᠳ ᠣᠯᠠᠨ ᠤ ᠦᠨᠳᠦᠰᠦᠨ ᠪᠠᠴᠢᠮ ᠠᠪᠣᠷᠠᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃ | ᠠᠷᠠᠳ ᠤᠨ ᠠᠮᠢᠳᠦᠷᠠᠯ ᠢ ᠬᠠᠷᠠᠭᠠᠯᠵᠠᠬᠤ ᠵᠢᠷᠭᠤᠭᠠᠨ ᠶᠡᠭᠡ ᠢᠨᠵᠧᠨᠧᠷᠢᠩ ᠢ ᠰᠠᠶᠢᠳᠦᠷ ᠠᠳᠬᠤᠨ᠎ᠠ᠃ ᠨᠢᠭᠡ ᠳᠤ ᠠᠵᠢᠯ ᠣᠶᠢᠯᠠᠰ ᠪᠣᠰᠬᠠᠬᠤ ᠠᠵᠢᠯ | ᠣᠯᠭᠤᠯᠳᠠ ᠶᠢ ᠪᠠᠳᠦᠳᠠᠢ ᠠᠬᠢᠭᠤᠯᠵᠣ᠂ ᠬᠠᠨᠳᠣᠯᠭ᠎ᠠ ᠲᠠᠢ ᠨᠡᠶᠢᠳᠡᠨ ᠬᠦᠮᠦᠵᠢᠭᠦᠯᠭᠦ ᠵᠣᠬᠢᠴᠠᠮᠵᠢ ᠶᠢ ᠰᠦᠪᠡᠭᠴᠢᠯᠡᠨ ᠪᠠᠶᠢᠭᠤᠯᠵᠣ᠂ ᠲᠠᠪᠴᠠᠩ ᠭᠠᠷᠭᠠᠨ ᠲᠡᠮᠵᠢᠨ | ᠲᠣᠰᠠᠯᠠᠬᠤ᠂ ᠠᠰᠠᠷᠠᠮᠵᠢ ᠶᠢᠨ ᠠᠵᠢᠯ ᠤᠨ ᠪᠠᠶᠢᠷᠢ ᠶᠢᠨ ᠲᠣᠬᠢᠶᠠᠯ ᠬᠠᠩᠭᠠᠬᠤ᠂ ᠬᠤᠰᠢᠭᠤᠨ ᠳᠠᠬᠢ ᠠᠵᠣ ᠠᠬᠤᠶᠢᠯᠡᠯ ᠳᠤ ᠬᠡᠷᠡᠭᠯᠡᠬᠦ ᠵᠡᠷᠭᠡ ᠠᠷᠭ᠎ᠠ ᠬᠡᠮᠵᠢᠶᠡᠠᠪᠴᠦ᠂ | ᠰᠢᠯᠵᠢᠭᠰᠡᠨ ᠮᠠᠯᠴᠢᠨ ᠲᠠᠷᠢᠶᠠᠴᠢᠨ ᠪᠣᠯᠣᠨ ᠠᠮᠢᠳᠦᠷᠠᠯ ᠬᠦᠴᠢᠷᠳᠡᠯᠳᠠᠢ ᠣᠶᠣᠳᠠᠨ ᠤ ᠠᠵᠢᠯ ᠣᠯᠭᠤᠯᠳᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠠᠨ᠎ᠠ᠃ | ᠬᠤᠶᠠᠷ ᠲᠤ ᠪᠠᠳᠣᠯᠠᠭ᠎ᠠ ᠶᠢᠨ ᠴᠢᠨᠠᠷᠳᠠᠢ ᠣᠷᠣᠨ ᠰᠠᠭᠤᠴᠠ ᠶᠢᠨ ᠪᠠᠶᠢᠭᠤᠯᠣᠯᠳᠠ ᠶᠢ ᠴᠢᠩᠭᠠᠳᠬᠠᠵᠣ᠂ 36.9 ᠲᠦᠮᠡᠨ ᠺᠦᠸᠠᠳ᠋ ᠮᠧᠲᠷ ᠬᠤᠲᠠ ᠪᠠᠯᠭᠠᠰᠣᠨ ᠤ | ᠬᠠᠭᠤᠴᠢᠨ ᠰᠠᠭᠤᠭᠠᠯᠢ ᠲᠣᠭᠤᠷᠢᠭ ᠤᠨ ᠡᠨᠧᠷᠬᠢ ᠠᠷᠪᠢᠯᠠᠬᠤ ᠦᠬᠡᠷᠡᠴᠢᠯᠠᠯᠳᠠ ᠶᠢ ᠪᠡᠶᠡᠯᠡᠭᠦᠯᠵᠣ᠂ ᠪᠠᠳᠣᠯᠠᠭ᠎ᠠ ᠶᠢᠨ ᠴᠢᠨᠡᠷᠳᠠᠢ ᠣᠷᠣᠨ ᠰᠠᠭᠠᠣᠴᠠ ᠶᠢ 2982 | ᠲᠦᠭᠦᠷ ᠪᠠᠶᠢᠭᠤᠯᠵᠣ᠂ ᠡᠭᠦᠨ ᠤ ᠲᠣᠳᠣᠷ᠎ᠠ ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ 994 ᠲᠦᠭᠦᠷ ᠭᠡᠷ ᠪᠠᠶᠢᠰᠢᠩ ᠢ ᠰᠢᠨᠡᠳᠬᠡᠵᠣ᠂ 1988 | ᠲᠦᠭᠦᠷ ᠨᠡᠶᠢᠳᠡ ᠶᠢᠨ ᠲᠦᠷᠢᠶᠡᠰᠦᠨ ᠭᠡᠷ ᠪᠠᠶᠢᠰᠢᠩ ᠪᠠᠷᠢᠨ᠎ᠠ︔ ᠣᠯᠵᠠᠴᠢ ᠪᠠᠯᠭᠠᠰᠦ᠂ ᠱᠠᠩᠬᠠᠢ ᠶᠢᠨ ᠰᠦᠮ᠎ᠡ ᠪᠠᠯᠭᠠᠰᠣᠨ ᠤ ᠪᠠᠶᠢᠭᠤᠯᠵᠣ ᠪᠦᠬᠦᠢ ᠪᠠᠳᠣᠯᠠᠭ᠎ᠠ | ᠶᠢᠨ ᠴᠢᠨᠠᠷᠳᠠᠢ ᠣᠷᠣᠨ ᠰᠠᠭᠤᠴᠠ ᠶᠢ ᠵᠢᠯ ᠤᠨ ᠲᠣᠳᠣᠷ᠎ᠠ ᠪᠦᠬᠦᠨ ᠢ ᠠᠰᠢᠭᠯᠠᠯᠳᠠ ᠳᠤ ᠣᠷᠣᠭᠤᠯᠣᠨ᠎ᠠ᠃ ᠭᠤᠷᠪᠠ ᠳᠤ ᠨᠡᠶᠢᠭᠡᠮ ᠤᠨ ᠪᠠᠳᠣᠯᠠᠭ᠎ᠠ ᠶᠢᠨ ᠪᠠᠷᠢᠮᠵᠢᠶ᠎ᠠ | ᠶᠢ ᠣᠯᠠᠮ ᠨᠢᠭᠡ ᠠᠯᠬᠤᠮ ᠦᠨᠳᠦᠷᠵᠢᠭᠦᠯᠵᠣ᠂ ᠠᠵᠣ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠦᠨᠳᠦᠰᠦᠨ ᠨᠠᠰᠦᠵᠢᠯ ᠤᠨ ᠮᠦᠩᠭᠦ ᠶᠢ 10 % ᠪᠠᠷ | ᠦᠰᠭᠡᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠲᠣᠣᠷ᠎ᠠ ᠠᠮᠢᠳᠦᠷᠠᠯ ᠤᠨ ᠪᠠᠳᠣᠯᠠᠭ᠎ᠠ ᠶᠢᠨ ᠪᠠᠷᠢᠮᠵᠢᠶ᠎ᠠ ᠶᠢ ᠬᠦᠮᠦᠨ ᠲᠣᠳᠣᠮ ᠰᠠᠷ᠎ᠠ ᠪᠦᠷᠢ | 15 ᠲᠦᠭᠦᠷᠢᠭ ᠪᠠ 12 ᠲᠦᠬᠦᠷᠢᠭ ᠦᠰᠭᠡᠵᠣ᠂ ᠡᠮᠨᠡᠯᠭᠡ ᠶᠢᠨ ᠲᠠᠭᠠᠳᠬᠠᠯ ᠤᠨ ᠪᠡᠯᠡ ᠬᠤᠷᠠᠮᠳᠣᠭᠤᠯᠬᠤ ᠪᠠᠷᠢᠮᠵᠢᠶ᠎ᠠ ᠶᠢ 60 ᠲᠦᠭᠦᠷᠢᠭ ᠪᠠ 46 ᠲᠦᠭᠦᠷᠢᠭ | ᠦᠰᠭᠡᠵᠣ᠂ ᠨᠠᠰᠦᠵᠢᠯ ᠤᠨ ᠮᠦᠩᠭᠦ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠲᠣᠰᠪᠦᠷᠢ 15 ᠲᠦᠭᠦᠷᠢᠭ ᠦᠰᠭᠡᠨᠠ᠃ ᠨᠠᠷᠢᠯᠢᠭ ᠣᠨᠣᠪᠴᠢᠳᠠᠢ ᠪᠠᠷ ᠶᠠᠳᠠᠭᠤ ᠶᠢ | ᠲᠡᠳᠬᠦᠬᠦ ᠬᠦᠴᠦᠨ ᠢᠶᠠᠨ ᠴᠢᠩᠭᠠᠳᠬᠠᠵᠣ᠂ 748 ᠡᠷᠦᠭᠡ ᠶᠢᠨ 2504 ᠬᠦᠮᠦᠨ ᠢ ᠶᠠᠳᠠᠭᠤ ᠠᠴᠠ ᠠᠩᠭᠢᠵᠢᠷᠠᠭᠤᠯᠣᠨ᠎ᠠ᠃ ᠲᠦᠷᠪᠡ ᠳᠤ ᠰᠤᠷᠭᠠᠨ ᠬᠦᠮᠤᠵᠢᠯ ᠢ | ᠡᠩ ᠳᠡᠷᠢᠬᠦᠨ ᠳᠤ ᠬᠦᠭᠵᠢᠬᠦᠯᠬᠦ ᠶᠢ ᠪᠠᠷᠢᠮᠳᠠᠯᠠᠵᠤ᠂ ᠱᠠᠩᠬᠠᠢ ᠶᠢᠨ ᠰᠦᠮ᠎ᠡ᠂ ᠲᠦᠪᠡᠳ᠂ ᠪᠣᠷᠣᠪᠠᠯᠭᠠᠰᠦᠨ ᠳᠤ 3 ᠰᠠᠭᠤᠷᠢ ᠬᠡᠣᠬᠡᠳ ᠤᠨ ᠴᠡᠴᠡᠷᠯᠢᠭ | ᠪᠠᠶᠢᠭᠤᠯᠵᠣ᠂ ᠦᠪᠡᠷᠳᠡᠭᠡᠨ ᠵᠠᠰᠠᠬᠤ ᠣᠷᠣᠨ ᠤ ᠲᠣᠣᠷ᠎ᠠ ᠪᠠᠳᠣᠯᠠᠭᠠᠳᠦ ᠡᠷᠦᠬᠡ ᠶᠢᠨ ᠣᠶᠣᠳᠠᠨ ᠤ ᠰᠣᠷᠭᠠᠭᠤᠯᠢ ᠳᠤ ᠣᠷᠣᠬᠤ ᠲᠣᠰᠠᠯᠠᠮᠵᠢ ᠶᠢᠨ ᠮᠦᠩᠭᠦ ᠶᠢᠨ | ᠲᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠣᠭᠰᠠᠨ ᠰᠠᠭᠤᠷᠢᠨ ᠲᠡᠭᠡᠷ᠎ᠡ᠂ ᠣᠳᠤᠭ ᠤᠨ ᠡᠮᠦᠨᠡᠳᠦ ᠬᠤᠰᠢᠭᠤᠨ ᠤ ᠡᠷᠦᠬᠡ ᠠᠮᠠ ᠲᠠᠢ ᠠᠵᠣ ᠠᠬᠤᠢ ᠶᠢᠨ ᠲᠠᠯ᠎ᠠ | ᠪᠠᠷ ᠬᠦᠴᠢᠷᠳᠠᠢ ᠰᠣᠷᠣᠭᠴᠢ ᠶᠡᠭᠡ ᠰᠣᠷᠭᠠᠭᠤᠯᠢ ᠶᠢᠨ ᠲᠣᠰᠬᠠᠢ ᠠᠩᠬᠢ᠂ ᠵᠢᠩᠬᠢᠨᠢ ᠠᠩᠬᠢ᠂ ᠰᠣᠳᠣᠯᠬᠤ ᠰᠣᠷᠣᠭᠴᠢ ᠰᠢᠯᠭᠠᠳᠠᠭᠪᠠᠯ ᠲᠣᠰ ᠪᠦᠷᠢ 3000 | ᠲᠦᠭᠦᠷᠢᠭ᠂ 4000 ᠲᠦᠭᠦᠷᠢᠭ᠂ 5000 ᠲᠦᠭᠦᠷᠢᠭ ᠤᠨ ᠲᠣᠰᠠᠯᠠᠮᠵᠢ ᠶᠢᠨ ᠮᠦᠩᠭᠦ ᠣᠯᠭᠤᠵᠣ᠂ ᠠᠮᠢᠳᠦᠷᠠᠯ ᠬᠦᠴᠢᠷᠳᠡᠯᠳᠠᠢ ᠰᠣᠷᠣᠭᠴᠢ ᠶᠢᠨ ᠰᠣᠷᠣᠯᠭ᠎ᠠ ᠶᠢ | ᠪᠠᠳᠣᠯᠠᠨ᠎ᠠ᠃ ᠰᠣᠷᠭᠠᠨ ᠬᠦᠮᠦᠵᠢᠯ ᠤᠨ ᠮᠡᠳᠡᠭᠡ ᠵᠠᠩᠬᠢᠴᠢᠯᠠᠯᠳᠠ ᠶᠢᠨ ᠲᠣᠷᠰᠢᠯᠳᠠ ᠶᠢᠨ ᠴᠡᠭ ᠤᠨ ᠪᠠᠶᠢᠭᠤᠯᠣᠯᠳᠠ ᠶᠢ ᠴᠢᠩᠭᠠᠳᠬᠠᠨᠵᠣ᠂ ᠰᠣᠷᠭᠠᠨ ᠬᠦᠮᠦᠵᠢᠯ ᠤᠨ | ᠲᠡᠩᠴᠡᠬᠦᠷᠢᠰᠢᠯ ᠢ ᠠᠬᠢᠭᠤᠯᠵᠣ᠂ ᠵᠢᠯ ᠤᠨ ᠲᠣᠳᠣᠷ᠎ᠠ ᠣᠯᠣᠰ ᠤᠨ ᠰᠢᠶᠠᠨ ᠤ ᠪᠦᠰᠡ ᠶᠢᠨ ᠠᠯᠪᠠᠨ ᠵᠢᠷᠦᠮ ᠤᠨ ᠰᠣᠷᠠᠭᠠᠨ ᠬᠦᠮᠦᠵᠢᠯ ᠤᠨ ᠲᠡᠩᠴᠡᠭᠦᠷᠢᠳᠦ | ᠬᠦᠭᠵᠢᠯᠳᠠ ᠶᠢᠨ ᠦᠨᠡᠯᠡᠯᠳᠠ ᠶᠢᠨ ᠰᠢᠯᠭᠠᠨ ᠠᠪᠬᠤ ᠪᠠᠷᠢᠮᠵᠢᠶᠠᠨ ᠳᠤ ᠬᠦᠷᠭᠡᠨ᠎ᠡ᠃ ᠲᠠᠪᠤ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠣᠶᠢᠯᠠᠰ ᠤᠨ ᠬᠦᠭᠵᠢᠯᠳᠠ | ᠶᠢ ᠲᠦᠷᠭᠡᠳᠬᠡᠵᠣ᠂ ᠦᠪᠡᠷᠳᠡᠭᠡᠨ ᠵᠠᠰᠠᠬᠤ ᠣᠷᠣᠨ ᠤ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠦᠬᠡᠷᠡᠴᠢᠯᠠᠯᠳᠠ ᠶᠢᠨ ᠲᠣᠷᠰᠢᠯᠳᠠ ᠶᠢᠨ ᠴᠡᠭ ᠤᠨ ᠠᠵᠢᠯ ᠢ | ᠰᠠᠶᠢᠳᠦᠷ ᠠᠳᠬᠤᠵᠣ᠂ ᠣᠷᠣᠨ ᠪᠦᠰᠡ ᠶᠢᠨ ᠮᠡᠳᠡᠭᠡ ᠵᠠᠩᠬᠢ ᠶᠢᠨ ᠰᠢᠰᠲ᠋ᠧᠮ᠂ ᠠᠯᠣᠰ ᠠᠴᠠ ᠣᠨᠣᠰᠢᠯᠠᠬᠤ ᠰᠢᠰᠲ᠋ᠧᠮ ᠢ ᠪᠠᠶᠢᠭᠤᠯᠵᠣ᠂ ᠡᠮᠴᠢᠯᠡᠭᠡᠨ ᠤ | ᠣᠶᠢᠯᠠᠴᠢᠯᠡᠭᠡ ᠶᠢᠨ ᠴᠢᠳᠠᠪᠦᠷᠢ ᠪᠣᠯᠣᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠠ᠃ ᠦᠨᠳᠦᠰᠦᠨ ᠡᠮ ᠤᠨ ᠵᠣᠶᠢᠯᠠᠰ ᠤᠨ ᠲᠦᠷᠢᠮ ᠢ ᠦᠷᠭᠦᠯᠵᠢᠯᠡᠨ | ᠲᠡᠭᠦᠯᠳᠡᠷᠵᠢᠭᠦᠯᠵᠣ᠂ ᠡᠮ ᠤᠨ ᠵᠣᠶᠢᠯ ᠢ ᠦᠨ᠎ᠠ ᠶᠢᠨ ᠵᠦᠷᠢᠶᠠᠨ ᠦᠭᠡᠢ ᠢᠶᠠᠷ ᠵᠢᠵᠢᠭᠯᠡᠨ ᠪᠣᠷᠣᠯᠠᠭᠤᠯᠬᠤ ᠶᠢ ᠪᠣᠳᠠᠳᠠᠶᠢᠴᠢᠯᠠᠵᠣ᠂ ᠲᠠᠬᠢᠯᠳᠦ᠂ ᠪᠣᠷᠣᠪᠠᠯᠭᠠᠰᠦ ᠶᠢᠨ | 2 ᠰᠠᠭᠤᠷᠢ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠳᠠ ᠳᠤ ᠣᠷᠣᠭᠤᠯᠵᠣ᠂ ᠬᠤᠳᠠ ᠬᠦᠳᠡᠭᠡ ᠶᠢ ᠬᠠᠮᠣᠷᠠᠭᠰᠠᠨ ᠲᠡᠩᠴᠡᠭᠦᠷᠢᠳᠠᠢ ᠬᠦᠭᠵᠢᠭᠰᠡᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠯᠳᠦᠭᠦᠯᠦᠨ᠎ᠠ᠃ ᠵᠢᠷᠭᠤᠭ᠎ᠠ ᠳᠤ ᠰᠣᠶᠣᠯ ᠤᠨ ᠬᠠᠷᠠᠭᠠᠯᠵᠠᠯ ᠤᠨ ᠢᠨᠵᠧᠨᠧᠷᠢᠩ ᠢ ᠬᠡᠷᠡᠭᠵᠢᠭᠦᠯᠵᠣ᠂ ᠮᠦᠽᠸᠢ᠂ | ᠨᠣᠮ ᠤᠨ ᠰᠠᠩ᠂ ᠰᠣᠶᠣᠯ ᠤᠨ ᠣᠷᠳᠣᠨ᠂ ᠲᠠᠩᠰᠠ ᠡᠪᠬᠡᠮᠡᠯ ᠤᠨ ᠣᠷᠳᠣᠨ ᠢ ᠡᠷᠬᠢᠯᠡᠨ ᠬᠡᠷᠡᠭᠯᠡᠵᠣ᠂ ᠠᠷᠠᠳ ᠣᠯᠠᠨ ᠳᠤ ᠬᠠᠨᠳᠦᠭᠤᠯᠣᠭᠰᠠᠨ ᠣᠯᠠᠨ ᠶᠡᠩᠵᠣ ᠶᠢᠨ | ᠰᠣᠶᠣᠯ ᠤᠨ ᠠᠵᠢᠯᠯᠠᠭᠠᠨ ᠢ ᠠᠬᠢᠭᠤᠯᠣᠨ᠎ᠠ᠃ ᠠᠳᠣᠭᠤᠨ ᠰᠣᠶᠣᠯ᠂《 ᠰᠠᠪᠬᠠᠨ ᠪᠦᠵᠢᠭ 》 ᠤᠨ ᠰᠣᠶᠣᠯ᠂ ᠱᠣᠳᠣᠷᠭᠤ ᠬᠦᠭᠵᠢᠮ ᠤᠨ ᠰᠣᠶᠣᠯ ᠵᠡᠷᠭᠡ | ᠦᠨᠳᠦᠰᠦᠳᠡᠨ ᠤ ᠰᠣᠶᠣᠯ ᠤᠨ ᠬᠦᠭᠵᠢᠭᠦᠯᠦᠯᠳᠠ ᠶᠢ ᠵᠣᠷᠢᠭᠵᠢᠭᠤᠯᠣᠨ ᠲᠡᠮᠵᠢᠵᠣ᠂ ᠲᠠᠯ᠎ᠠ ᠨᠣᠳᠤᠭ ᠤᠨ ᠰᠣᠶᠣᠯ ᠤᠨ ᠠᠭᠤᠯᠣᠭᠳᠠᠬᠤᠨ ᠢ ᠠᠭᠤᠳᠠᠯᠣᠨ᠂ ᠵᠢᠯ | ᠤᠨ ᠲᠣᠳᠣᠷ᠎ᠠ《 ᠰᠠᠪᠬᠠᠨ ᠪᠦᠵᠢᠭ ᠤᠨ ᠰᠣᠶᠣᠯ ᠤᠨ ᠦᠯᠦᠭᠡᠢ 》᠂ ︽ᠱᠣᠳᠣᠷᠭᠤ ᠬᠦᠭᠵᠢᠮ ᠤᠨ ᠰᠣᠶᠣᠯ ᠤᠨ ᠦᠯᠦᠭᠡᠢ︾ ᠪᠠᠷ ᠨᠡᠷᠡᠶᠢᠳᠦᠭᠦᠯᠬᠦ ᠪᠠᠷ | ᠴᠢᠷᠮᠠᠶᠢᠨ᠎ᠠ᠃ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠦᠨ ᠬᠤᠳᠠ ᠶᠢᠨ ᠪᠠᠶᠢᠭᠤᠯᠣᠯᠳᠠ ᠶᠢᠨ ᠡᠯ᠎ᠡ ᠲᠦᠷᠦᠯ ᠤᠨ ᠠᠵᠢᠯ ᠢ ᠠᠬᠢᠭᠤᠯᠵᠣ᠂ 2017 | ᠣᠨ ᠳᠤ ᠪᠦᠬᠦ ᠣᠷᠣᠨ᠂ ᠪᠦᠬᠦ ᠬᠤᠳᠠ ᠶᠢᠨ ᠠᠩᠬᠠᠳᠠᠭᠴᠢ ᠪᠦᠯᠦᠭ ᠤᠨ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠦᠨ ᠬᠤᠳᠠ ᠪᠣᠯᠬᠤ ᠪᠠᠷ ᠴᠢᠷᠮᠠᠶᠢᠨ᠎ᠠ᠃ | ᠲᠦᠪ ᠤᠨ ᠦᠨᠳᠤᠰᠤᠳᠠᠨ ᠤ ᠳᠡᠬᠡᠳᠤ ᠰᠤᠷᠭᠠᠭᠤᠯᠢ ᠶᠢᠨ ᠪᠤᠷᠤᠪᠠᠯᠭᠠᠰᠤᠨ ᠳᠠᠬᠢ ᠳᠤᠷᠠᠰᠬᠠᠯ ᠤᠨ ᠤᠷᠳᠤᠨ ᠳᠤ ᠪᠦᠬᠦ ᠤᠯᠤᠰ ᠤᠨ ᠴᠦᠬᠡᠨ ᠳᠤᠭᠠᠳᠤ | ᠦᠨᠳᠤᠰᠤᠳᠠᠨ ᠤ ᠳᠠᠮᠢᠷ ᠤᠨ ᠴᠤᠭᠯᠠᠭᠠᠨ ᠤ ᠭᠠᠯ ᠠᠰᠠᠭᠠᠬᠤ ᠬᠠᠮᠢᠶ᠎ᠠ ᠪᠦᠬᠦᠢ ᠠᠵᠢᠯ ᠢ ᠰᠠᠶᠢᠳᠤᠷ ᠬᠢᠨ᠎ᠠ᠃ ᠡᠬᠦᠨ ᠤ ᠬᠠᠮᠳᠦ ᠴᠡᠷᠢᠭ ᠠᠷᠠᠤᠨ ᠬᠠᠮᠳᠤᠪᠠᠷ | ᠪᠠᠶᠢᠭᠤᠯᠬᠤ᠂ ᠡᠮᠡᠭᠳᠠᠶᠢᠴᠣᠳ ᠬᠡᠣᠬᠡᠳ ᠪᠠᠭᠠᠴᠤᠳ᠂ ᠬᠦᠮᠦᠨ ᠠᠮᠠ ᠲᠦᠯᠦᠪᠯᠡᠭᠡᠳᠦ ᠬᠦᠩᠭᠡᠵᠢᠯ᠂ ᠰᠣᠨᠢᠨ ᠮᠡᠳᠡᠭᠡ ᠷᠠᠳᠢᠣ᠋ ᠲᠧᠯᠸᠢᠰ᠂ ᠨᠠᠰᠦᠳᠠᠶᠢᠴᠣᠳ ᠤᠨ | ᠣᠶᠢᠯᠠᠰ ᠵᠡᠷᠬᠡ ᠡᠯ᠎ᠡ ᠲᠦᠷᠦᠯ ᠤᠨ ᠠᠵᠢᠯ ᠢ ᠰᠠᠶᠢᠳᠦᠷ ᠠᠳᠬᠤᠨ᠎ᠠ᠃ | ︵ᠭᠤᠷᠪᠠ︶ ᠮᠠᠯ ᠲᠠᠷᠢᠶᠠᠯᠠᠩ ᠤᠨ ᠬᠡᠯᠪᠡᠷᠢ ᠶᠢ ᠬᠤᠪᠢᠷᠠᠭᠠᠬᠤ ᠬᠦᠭᠵᠢᠯᠲᠡ ᠶᠢ ᠠᠬᠢᠭᠤᠯᠣᠨ᠎ᠠ᠃ ᠨᠢᠬᠡ ᠳᠤ ᠣᠳᠣ ᠦᠶ᠎ᠡ ᠶᠢᠨ ᠮᠠᠯ ᠲᠠᠷᠢᠶᠠᠯᠠᠩ ᠤᠨ | ᠠᠬᠢᠯᠲᠠ ᠶᠢ ᠲᠦᠷᠬᠡᠳᠬᠡᠨ᠎ᠡ᠃ ᠵᠤᠬᠢᠰᠳᠠᠢ ᠬᠡᠪᠵᠢᠶᠡᠵᠢᠭᠰᠡᠨ ᠡᠵᠡᠩᠨᠡᠯᠳᠡ ᠶᠢ ᠠᠬᠢᠭᠤᠯᠵᠤ᠂ ᠲᠣᠰᠣᠯᠭᠠᠨ ᠣᠰᠣᠯᠠᠬᠤ ᠮᠡᠷᠬᠡᠵᠢᠯ ᠢ ᠲᠦᠬᠦᠷᠴᠢᠯᠡᠨ ᠬᠦᠭᠵᠢᠬᠦᠯᠵᠣ᠂ | ᠮᠠᠯ ᠲᠠᠷᠢᠶᠠᠯᠠᠩ ᠤᠨ ᠡᠬᠢ ᠰᠤᠷᠪᠤᠯᠵᠢ ᠪᠠ ᠭᠠᠵᠠᠷ ᠲᠣᠣᠷᠠᠬᠢ ᠣᠰᠣ ᠶᠢ ᠠᠷᠪᠢᠯᠠᠨ᠂ ᠦᠨᠳᠣᠰᠣᠨ ᠲᠠᠷᠢᠶᠠᠨ ᠭᠠᠵᠠᠷ ᠪᠣᠯᠣᠨ ᠲᠡᠵᠢᠬᠡᠯ ᠡᠪᠡᠰᠣ ᠪᠣᠷᠳᠣᠭᠠᠨ ᠤ | ᠭᠠᠷᠣᠯᠲᠠ ᠶᠢ ᠲᠡᠬᠡᠭᠰᠢᠯᠡᠬᠦᠯᠣᠨᠡ᠃ ᠠᠷᠤ ᠭᠡᠰᠡᠭ ᠤᠨ ᠰᠢᠯᠢ ᠭᠠᠵᠠᠷ ᠲᠤ ᠲᠠᠯ᠎ᠠ ᠨᠤᠳᠤᠭ ᠤᠨ ᠮᠠᠯ ᠠᠵᠤ ᠠᠬᠤᠢ ᠶᠢᠨ ᠪᠥᠰᠡ ᠨᠤᠳᠤᠭ ᠢ ᠴᠣᠭᠴᠠᠯᠠᠬᠤ | ᠪᠠᠡᠮᠥᠨᠡᠳᠥ ᠭᠡᠰᠡᠭ ᠤᠨ ᠤᠷᠤᠨ ᠳᠤ ᠤᠳᠤ ᠥᠶ᠎ᠡ ᠶᠢᠨ ᠮᠠᠯ ᠲᠠᠷᠢᠶᠠᠯᠠᠩ ᠤᠨ ᠠᠵᠤ ᠠᠬᠤᠢ ᠶᠢᠨ ᠪᠥᠰᠡ ᠨᠤᠳᠤᠭ ᠢ ᠴᠣᠭᠴᠠᠯᠠᠬᠤ ᠪᠠᠶᠢᠷᠢᠯᠠᠭᠤᠯᠣᠯᠲᠠ ᠶᠣᠰᠣᠭᠠᠷ | ᠂ ᠮᠠᠯ ᠲᠠᠷᠢᠶᠠᠯᠠᠩ ᠤᠨ ᠲᠦᠷᠦᠯ ᠵᠦᠢᠯ ᠢ ᠬᠠᠮᠳᠣᠳᠬᠠᠨ᠂ ᠬᠡᠷᠡᠭᠵᠢᠬᠦᠯᠣᠯᠲᠡ ᠶᠢᠨ ᠱᠠᠭᠠᠷᠳᠠᠯᠭ᠎ᠠ ᠶᠢ ᠰᠣᠯᠠᠳᠬᠠᠨ ᠭᠠᠵᠠᠷ ᠣᠷᠣᠨ ᠳᠤ ᠨᠢ ᠲᠣᠬᠢᠷᠠᠭᠤᠯᠵᠣ᠂ ᠠᠶᠢᠯ | ᠡᠷᠣᠬᠡ ᠳᠤ ᠨᠢ ᠵᠣᠬᠢᠷᠠᠭᠤᠯᠣᠨ᠂ ᠢᠳᠡᠪᠬᠢᠵᠡᠯ ᠦᠨᠳᠣᠷ ᠪᠠ ᠬᠦᠭᠵᠢᠯᠲᠡ ᠨᠢ ᠬᠦᠢᠴᠡᠳ ᠪᠣᠰᠣ ᠮᠠᠯᠴᠢᠨ ᠲᠠᠷᠢᠶᠠᠴᠢᠳ ᠲᠤ ᠲᠦᠪᠯᠡᠷᠡᠬᠦᠯᠣᠨ ᠬᠡᠷᠡᠭᠵᠢᠬᠦᠯᠵᠣ᠂ | ᠠᠵᠣ ᠦᠢᠯᠡᠰ ᠤᠨ ᠲᠡᠩᠴᠡᠬᠦᠷᠢᠲᠣ ᠬᠦᠭᠵᠢᠯᠲᠠ ᠶᠢ ᠲᠠᠶᠢᠴᠢᠯᠠᠨ᠂ ᠮᠠᠯᠴᠢᠨ ᠲᠠᠷᠢᠶᠠᠴᠢᠨ ᠢ ᠪᠠᠶᠠᠵᠢᠭᠤᠯᠣᠨᠠ᠃ ᠮᠠᠯ ᠲᠠᠷᠢᠶᠠᠯᠠᠩ ᠤᠨ ᠭᠥᠭᠵᠢᠭᠦᠯᠥᠯᠳᠡ ᠶᠢᠨ | ᠰᠠᠭᠤᠷᠢ ᠮᠥᠩᠭᠦ ᠲᠤᠬᠢᠷᠠᠭᠤᠯᠵᠤ᠂ ᠠᠯᠠᠰᠢᠨ ᠥᠭᠡᠷ ᠮᠠᠯ᠂ ᠣᠯᠠᠷᠢᠯ ᠰᠦᠷᠬᠦ ᠤᠨᠴᠠᠯᠢᠭᠳᠤ ᠲᠠᠷᠢᠮᠠᠯ ᠵᠡᠷᠭᠡ ᠲᠠᠪᠠᠭᠤᠯᠢᠭ ᠠᠵᠣ ᠥᠢᠯᠡᠰ ᠢ ᠪᠤᠶᠢᠵᠢᠭᠤᠯᠵᠤ | ᠪᠤᠵᠠᠭᠠᠶᠢᠷᠠᠭᠤᠯᠤᠨ᠂ ᠮᠠᠯ ᠲᠠᠷᠢᠶᠠᠯᠠᠩ ᠤᠨ ᠪᠥᠳᠥᠭᠡᠭᠳᠡᠭᠦᠨ ᠤ ᠭᠠᠵᠠᠷ ᠣᠷᠣᠨ ᠤ ᠪᠣᠬᠢᠷᠳᠣᠯ ᠦᠬᠡᠢ ᠨᠡᠷᠡᠳᠣ ᠲᠡᠮᠲᠡᠭ ᠢ ᠡᠬᠦᠳᠣᠨᠡ᠃ ᠤᠳᠤ ᠥᠶ᠎ᠡ ᠶᠢᠨ | ᠲᠠᠷᠢᠶᠠᠯᠠᠩ ᠤᠨ ᠰᠠᠭᠤᠷᠢᠨ ᠢ ᠰᠢᠨ᠎ᠡ ᠪᠠᠷ ᠲᠥᠮᠡᠨ ᠮᠤ᠋ ᠨᠡᠮᠡᠭᠳᠡᠭᠦᠯᠵᠥ᠂ ᠤᠨᠴᠠᠯᠢᠭᠳᠤ ᠲᠠᠷᠢᠮᠠᠯ ᠤᠨ ᠬᠡᠪᠴᠢᠶᠡᠵᠢᠯ ᠢ 6 ᠲᠥᠮᠡᠨ ᠮᠤ᠋ ᠭᠥᠷᠳᠡᠯ᠎ᠡ ᠥᠷᠭᠡᠳᠭᠡᠨ᠂ | ᠵᠢᠯ ᠳᠤ 2000 ᠠᠯᠠᠰᠢᠨ ᠮᠠᠯ ᠪᠤᠷᠤᠯᠠᠭᠤᠯᠬᠤ ᠭᠡᠪᠴᠢᠶᠡᠵᠢᠯ ᠲᠠᠢ ᠲᠡᠵᠢᠭᠡᠨ ᠥᠷᠡᠵᠢᠭᠦᠯᠭᠦ ᠭᠥᠷᠢᠶᠡᠯᠠᠩ 2 ᠢ ᠴᠤᠭᠴᠠᠯᠠᠵᠤ᠂ ᠤᠳᠤ ᠥᠶ᠎ᠡ ᠶᠢᠨ ᠮᠠᠯᠵᠢᠯ ᠤᠨ | ᠡᠷᠥᠭᠡ ᠶᠢ 150 ᠠᠶᠢᠯ ᠭᠥᠷᠭᠡᠨ᠎ᠡ᠃ ᠲᠠᠷᠢᠬᠤ᠂ ᠲᠡᠵᠢᠭᠡᠭᠦ᠂ ᠪᠤᠯᠪᠠᠰᠤᠷᠠᠭᠤᠯᠬᠤ᠂ ᠪᠤᠷᠤᠯᠠᠭᠤᠯᠬᠤ ᠶᠢᠨ ᠠᠵᠤ ᠥᠢᠯᠡᠰ ᠤᠨ ᠪᠥᠭᠦ ᠭᠡᠯᠬᠢᠶᠡᠵᠢᠯ ᠢ ᠲᠠᠷᠤᠢ | ᠲᠥᠷᠭᠡᠨ ᠪᠥᠷᠢᠯᠳᠥᠭᠦᠯᠵᠥ᠂ ᠮᠠᠯ ᠲᠠᠷᠢᠶᠠᠯᠠᠩ ᠤᠨ ᠪᠥᠳᠥᠭᠡᠭᠳᠡᠭᠦᠨ ᠤ ᠡᠬᠢ ᠶᠢ ᠬᠡᠳᠡᠷᠬᠦ ᠨᠡᠬᠡᠮᠵᠢᠯᠡᠬᠦ ᠰᠢᠰᠲ᠋ᠧᠮ ᠢ ᠪᠠᠶᠢᠭᠤᠯᠵᠣ᠂ ᠵᠠᠬ᠎ᠠ ᠲᠡᠯᠭᠡᠭᠦᠷ ᠤᠨ ᠬᠢᠵᠢᠭ | ᠪᠠᠶᠢᠴᠠᠭᠠᠯᠳᠠ ᠶᠢᠨ ᠵᠠᠷᠤᠳᠠᠯ ᠪᠤᠯᠤᠨ ᠰᠤᠯᠢᠯᠴᠠᠭᠠᠨ ᠤ ᠵᠠᠷᠤᠳᠠᠯ ᠢ ᠪᠠᠭᠤᠷᠠᠭᠤᠯᠬᠤ ᠥᠭᠡᠶᠢᠰᠭᠡᠭᠦ ᠪᠠ ᠠᠷᠠᠯᠵᠢᠶᠠᠨ ᠤ ᠡᠳᠥᠷ ᠲᠤ ᠵᠠᠮ ᠤᠨ ᠰᠥᠢᠳᠭᠡᠯ ᠬᠤᠷᠢᠶᠠᠬᠤ | ᠥᠭᠡᠢ ᠪᠤᠯᠭᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠭᠡᠷᠡᠭᠵᠢᠭᠦᠯᠥᠨ᠂ ᠮᠠᠯ ᠲᠠᠷᠢᠶᠠᠯᠠᠩ ᠤᠨ ᠪᠥᠳᠥᠭᠡᠭᠳᠡᠭᠦᠨ ᠤ ᠪᠣᠷᠣᠯᠠᠭᠤᠯᠭ᠎ᠠ ᠶᠢᠨ ᠡᠯᠧᠺᠲᠷᠤᠨ | ᠠᠷᠠᠯᠵᠢᠶᠠᠨ ᠶᠠᠪᠤᠳᠠᠯ ᠵᠡᠷᠬᠡ ᠰᠣᠯᠢᠯᠴᠠᠭᠠᠨ ᠤ ᠬᠡᠯᠪᠡᠷᠢ ᠶᠢ ᠣᠯᠠᠨ ᠡᠰᠢᠵᠢᠬᠦᠯᠵᠤ᠂ ᠨᠢᠩᠰᠢᠶᠠ ᠳᠤ ᠴᠢᠭᠯᠡᠬᠦᠯᠵᠣ ᠬᠦᠷᠰᠢ ᠣᠷᠣᠨ ᠳᠤ ᠦᠢᠯᠡᠴᠢᠯᠡᠨ ᠪᠦᠬᠦ ᠣᠯᠣᠰ | ᠲᠤ ᠬᠠᠨᠳᠣᠭᠤᠯᠣᠭᠰᠠᠨ ᠮᠠᠯ ᠲᠠᠷᠢᠶᠠᠯᠠᠩ ᠤᠨ ᠪᠥᠳᠥᠭᠡᠭᠳᠡᠭᠦᠨ ᠦᠢᠯᠡᠳᠪᠣᠷᠢᠯᠡᠬᠦ᠂ ᠪᠤᠯᠪᠠᠰᠤᠷᠠᠭᠤᠯᠬᠤ᠂ ᠪᠤᠷᠤᠯᠠᠭᠤᠯᠬᠤ ᠰᠠᠭᠤᠷᠢᠨ ᠭᠠᠵᠠᠷ ᠢ ᠪᠠᠶᠢᠭᠤᠯᠣᠨ᠎ᠠ᠃ ᠵᠢᠯ | ᠤᠨ ᠲᠣᠳᠣᠷᠠᠢ ᠯᠢ᠂ ᠵᠢᠢ ᠲᠠᠢ᠂ ᠮᠧᠩ ᠯᠢ ᠵᠡᠷᠭᠡ ᠶᠢᠨ ᠲᠠᠷᠢᠵᠤ ᠲᠡᠵᠢᠭᠡᠨ ᠡᠳ᠋ᠰᠢᠭᠦᠯᠭᠦ ᠲᠥᠷᠥᠯ ᠵᠥᠢᠯ ᠢ ᠪᠠᠶᠢᠭᠤᠯᠵᠣ᠂ ᠤᠷᠭᠠᠨᠢᠭ ᠪᠡᠯᠴᠢᠭᠡᠷ ᠢ ᠪᠦᠬᠦ | ᠪᠡᠯᠴᠢᠬᠡᠷ ᠤᠨ ᠲᠠᠯᠠᠪᠠᠢ ᠶᠢᠨ 60% ᠠᠴᠠ ᠲᠡᠬᠡᠭᠰᠢ ᠥᠷᠭᠡᠳᠭᠡᠭᠦ ᠪᠠᠷ ᠴᠢᠷᠮᠠᠶᠢᠨ᠂ ᠤᠯᠤᠰ ᠪᠠ ᠦᠪᠡᠷᠳᠡᠬᠡᠨ ᠵᠠᠰᠠᠬᠤ ᠣᠷᠣᠨ ᠤ ᠲᠡᠰ ᠤᠨ ᠮᠠᠯ ᠲᠠᠷᠢᠶᠠᠯᠠᠩ | ᠤᠨ ᠤᠷᠭᠠᠨᠢᠭ ᠪᠥᠳᠥᠭᠡᠭᠳᠡᠭᠦᠨ ᠤ ᠨᠡᠷᠡᠳᠤ ᠲᠡᠮᠳᠡᠭ ᠢ 1—2 ᠬᠤᠪᠢ ᠪᠦᠳᠣᠬᠡᠨᠡ᠃ ᠬᠤᠶᠠᠷ ᠲᠤ ︽ᠠᠷᠪᠠᠨ ᠪᠦᠬᠦ ᠪᠦᠷᠬᠦᠴᠠ︾ ᠢᠨᠵᠧᠨᠧᠷᠢᠩ ᠢ | ᠯᠠᠪᠳᠠᠭᠤᠨ ᠠᠬᠢᠭᠤᠯᠤᠨ᠎ᠠ᠃ ︽ᠴᠡᠭ ᠱᠤᠭᠤᠮ ᠳᠤᠭᠤᠷᠢᠭ ᠢ ᠨᠠᠷᠢᠯᠢᠭ ᠰᠠᠶᠢᠨ ᠪᠤᠳᠠᠳᠠᠢ ᠠᠤᠨᠬᠤᠬᠤ︾ ᠰᠡᠤᠨᠬᠢᠴᠠ ᠶᠤᠰᠤᠭᠠᠷ᠂ ᠲᠥᠯᠥᠪᠵᠢᠭᠦᠯᠭᠡ ᠲᠠᠢ | ᠵᠠᠯᠭᠠᠯᠳᠤᠭᠤᠯᠤᠨ᠂ ᠬᠤᠳᠠ ᠬᠦᠳᠡᠭᠡ ᠶᠢ ᠨᠢᠭᠡᠳᠥᠯᠳᠡᠢ ᠲᠦᠯᠤᠪᠵᠢᠬᠦᠯᠬᠦ ᠳᠤᠷᠰᠢᠯᠳᠠ ᠶᠢᠨ ᠴᠡᠭ ᠤᠨ ᠪᠠᠶᠢᠭᠤᠯᠤᠯᠳᠠ ᠲᠠᠢ ᠤᠶᠠᠯᠳᠤᠭᠤᠯᠵᠤ᠂ ︽ᠵᠢᠷᠭᠤᠭ᠎ᠠ ᠶᠢ | ᠢᠵᠢ ᠴᠤᠭᠴᠠᠵᠢᠭᠤᠯᠬᠤ︾᠂ ︽ᠭᠤᠷᠪᠠᠨ ᠪᠠᠶᠢᠭᠤᠯᠤᠯᠳᠠ︾ ᠲᠠᠢ ᠨᠢᠬᠡᠳᠤᠬᠦᠯᠵᠤ᠂ ᠨᠠᠶᠢᠳᠠ ᠶᠢᠨ ᠤᠶᠢᠯᠡᠴᠢᠯᠡᠭᠡ ᠶᠢ ᠮᠠᠯᠵᠢᠬᠤ ᠳᠠᠷᠢᠶᠠᠯᠠᠬᠤ ᠤᠷᠤᠨ ᠳᠤ ᠦᠨᠡᠨᠬᠦ | ᠦᠷᠬᠡᠤᠨᠬᠡᠵᠤ᠂ ᠮᠠᠯᠵᠢᠬᠤ ᠳᠠᠷᠢᠶᠠᠯᠠᠬᠤ ᠤᠷᠤᠨ ᠤ ᠬᠦᠭᠵᠢᠯᠳᠠ ᠶᠢ ᠤᠷᠳᠤ ᠬᠤᠭᠤᠴᠠᠭ᠎ᠠ ᠬᠢᠵᠠᠭᠠᠷᠯᠠᠵᠤ ᠪᠠᠶᠢᠭ᠎ᠠ ᠤᠰᠤ ᠴᠠᠬᠢᠯᠭᠠᠨ ᠵᠠᠮ ᠴᠢᠮᠡᠭᠡ ᠨᠡᠪᠳᠡᠷᠡᠬᠦᠯᠬᠡ | ᠵᠡᠷᠬᠡ ᠠᠰᠠᠭᠤᠳᠠᠯ ᠢ ᠦᠨᠡᠨᠬᠦ ᠰᠢᠢᠤᠨᠪᠤᠷᠢᠯᠡᠨᠠ᠃ ᠪᠦᠬᠦ ᠵᠢᠯ ᠳᠤ 2.37 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠭᠤᠷᠪᠠᠨ ᠵᠢᠯ ᠤᠨ ᠡᠬᠦᠷᠬᠡ ᠶᠢᠨ | 80% ᠶᠢ ᠪᠡᠶᠡᠯᠡᠬᠦᠯᠤᠨ᠎ᠠ᠃ 800 ᠡᠷᠤᠬᠡ ᠨᠤᠷᠠᠬᠤ ᠠᠶᠤᠯᠳᠠᠢ ᠬᠠᠭᠤᠴᠢᠨ ᠬᠡᠷ ᠢ ᠰᠢᠨᠡᠤᠨᠬᠡᠵᠤ᠂ ᠬᠦᠴᠢᠷᠳᠠᠯ ᠲᠠᠢ ᠡᠷᠤᠬᠡ ᠶᠢᠨ ᠨᠤᠷᠠᠬᠤ ᠠᠶᠤᠯᠳᠠᠢ ᠬᠡᠷ ᠢ | ᠦᠨᠳᠤᠰᠤᠨ ᠳᠤ ᠪᠠᠨ ᠰᠢᠨᠡᠤᠨᠬᠡᠨᠠ︔ 71.8 ᠺᠢᠯᠤᠮᠧᠲᠷ ᠤᠨ ᠵᠡᠭᠡᠯᠢ ᠭᠤᠳᠤᠮ ᠲᠠᠪᠢᠰᠴᠤ᠂ ᠬᠦᠳᠡᠭᠡ ᠳᠤᠰᠬᠤᠨ ᠤ ᠵᠠᠰᠠᠮᠠᠯ ᠵᠠᠮ ᠲᠠᠢ ᠬᠠᠷᠢᠯᠴᠠᠨ | ᠨᠦᠬᠦᠪᠤᠷᠢᠯᠡᠵᠤ᠂ ᠬᠤᠯᠪᠤᠨ ᠨᠡᠪᠳᠡᠷᠡᠬᠦᠯᠤᠨ᠎ᠠ︔ ᠷᠠᠳᠢᠤ᠋ ᠲᠧᠯᠸᠢᠰ ᠤᠨ ︽ᠡᠷᠤᠬᠡ ᠪᠤᠯᠭᠠᠨ ᠳᠤ ᠨᠡᠪᠳᠡᠷᠡᠬᠦ︾ ᠲᠦᠬᠦᠬᠡᠷᠤᠮᠵᠢ ᠶᠢ 5600 ᠲᠦᠬᠦᠷ ᠤᠭᠰᠠᠷᠠᠵᠤ᠂ | ᠨᠡᠬᠦᠳᠡᠯ ᠴᠢᠮᠡᠭᠡ ᠬᠤᠯᠪᠤᠭᠠᠨ ᠤ ᠦᠷᠳᠡᠭᠡ ᠶᠢ 4 ᠪᠠᠶᠢᠭᠤᠯᠵᠤ᠂ ᠠᠯᠤᠰ ᠪᠦᠭᠯᠡᠬᠦᠤ ᠭᠠᠵᠠᠷ ᠤᠷᠤᠨ ᠤ ᠷᠠᠳᠢᠤ᠋ ᠲᠧᠯᠸᠢᠰ᠂ ᠨᠡᠬᠦᠳᠡᠯ ᠴᠢᠮᠡᠭᠡ ᠬᠤᠯᠪᠤᠭᠠᠨ ᠤ ᠪᠦᠬᠦ | ᠪᠦᠷᠬᠦᠴᠠ ᠶᠢ ᠪᠡᠶᠡᠯᠡᠬᠦᠯᠤᠨ᠎ᠠ᠃ ᠬᠡᠷᠡᠩᠬᠡᠳᠤ ᠶᠢᠨ 35 ᠺᠢᠯᠤᠸᠤᠯᠲ ᠴᠠᠬᠢᠯᠭᠠᠨ ᠬᠤᠪᠢᠰᠬᠠᠬᠤ ᠦᠷᠳᠡᠭᠡ ᠶᠢ ᠰᠢᠨ᠎ᠠ ᠪᠠᠷ ᠪᠠᠶᠢᠭᠤᠯᠵᠤ᠂ ᠰᠤᠪᠠᠭ ᠤᠨ ᠵᠠᠳᠠᠭᠠᠢ | ᠶᠢᠨ 35 ᠺᠢᠯᠤᠸᠤᠯᠲ ᠴᠠᠬᠢᠯᠭᠠᠨ ᠬᠤᠪᠢᠰᠬᠠᠬᠤ ᠪᠠᠷᠢᠯᠭ᠎ᠠ ᠶᠢ ᠦᠷᠬᠡᠤᠨᠬᠡᠨ ᠪᠠᠶᠢᠭᠤᠯᠵᠤ᠂ 10 ᠺᠢᠯᠤᠸᠤᠯᠲ ᠶᠢᠨ ᠴᠠᠬᠢᠯᠭᠠᠨ ᠳᠠᠮᠵᠢᠭᠤᠯᠬᠤ ᠱᠤᠭᠤᠮ ᠢ 629 | ᠺᠢᠯᠤᠮᠧᠲᠷ ᠨᠡᠮᠡᠭᠳᠡᠬᠦᠯᠵᠤ᠂ 300 ᠰᠠᠭᠤᠷᠢ ᠬᠦᠴᠤᠳᠡᠯ ᠦᠬᠡᠷᠡᠴᠢᠯᠡᠭᠴᠢ ᠰᠢᠨ᠎ᠠ ᠪᠠᠷ ᠨᠡᠮᠡᠭᠳᠡᠬᠦᠯᠵᠤ᠂ ᠤᠳᠤ ᠦᠶ᠎ᠡ ᠶᠢᠨ ᠮᠠᠯ ᠳᠠᠷᠢᠶᠠᠯᠠᠩ ᠤᠨ ᠬᠦᠭᠵᠢᠯᠳᠠ ᠪᠠ | ᠴᠠᠬᠢᠯᠭᠠᠨ ᠳᠤᠳᠠᠭᠳᠠᠵᠤ ᠪᠠᠶᠢᠭ᠎ᠠ ᠭᠠᠵᠠᠷ ᠤᠷᠤᠨ ᠤ ᠴᠠᠬᠢᠯᠭᠠᠨ ᠬᠡᠷᠡᠭᠯᠡᠭᠡ ᠶᠢᠨ ᠬᠦᠴᠢᠷᠳᠡᠯ ᠢ ᠰᠢᠢᠤᠨᠪᠤᠷᠢᠯᠡᠨᠠ︔ ᠠᠶᠤᠯᠬᠦᠢ ᠤᠰᠤ ᠤᠮᠳᠠ ᠶᠢᠨ ᠪᠠᠷᠢᠯᠭ᠎ᠠ ᠶᠢ | 15 ᠪᠠᠶᠢᠭᠤᠯᠵᠤ᠂ ᠭᠠᠩ ᠬᠠᠭᠤᠷᠠᠢ ᠰᠢᠯᠢᠷᠬᠡᠭ ᠤᠷᠤᠨ ᠤ 1100 ᠬᠦᠮᠤᠨ ᠤ ᠦᠨᠳᠤᠰᠤᠨ ᠤᠰᠤ ᠤᠮᠳᠠ ᠶᠢᠨ ᠱᠠᠭᠠᠷᠳᠠᠯᠭ᠎ᠠ ᠶᠢ ᠪᠠᠳᠤᠯᠠᠨ᠎ᠠ︔ ᠮᠠᠯᠵᠢᠬᠤ | ᠳᠠᠷᠢᠶᠠᠯᠠᠬᠤ ᠤᠷᠤᠨ ᠤ 800 ᠡᠷᠤᠬᠡ ᠶᠢᠨ ᠨᠤᠷᠠᠬᠤ ᠠᠶᠤᠯᠳᠠᠢ ᠬᠡᠷ ᠢ ᠡᠨᠧᠷᠬᠢ ᠠᠷᠪᠢᠯᠠᠨ ᠦᠬᠡᠷᠡᠴᠢᠯᠡᠵᠤ᠂ ᠬᠤᠳᠠ ᠪᠠᠯᠭᠠᠰᠤᠨ ᠤ ᠬᠡᠪ ᠴᠢᠨᠰᠠᠭᠠᠳᠤ ᠠᠮᠢᠳᠤᠷᠠᠯ | ᠢ ᠮᠠᠯᠵᠢᠬᠤ ᠳᠠᠷᠢᠶᠠᠯᠠᠬᠤ ᠤᠷᠤᠨ ᠳᠤ ᠦᠷᠬᠡᠤᠨᠬᠡᠨᠠ᠃ ᠮᠠᠯ ᠳᠠᠷᠢᠶᠠᠯᠠᠩ ᠤᠨ ︽ᠭᠤᠷᠪᠠᠨ ᠣᠷᠣᠨ ᠤ ᠲᠦᠯᠦᠪᠵᠢᠬᠦᠯᠬᠡ︾ ᠳᠤ ᠪᠠᠭ᠎ᠠ ᠲᠣᠬᠢᠷᠠᠭᠤᠯᠣᠯᠲᠠ ᠬᠢᠵᠣ᠂ | ᠠᠮᠢ ᠠᠬᠤᠢ ᠶᠢᠨ ᠠᠶᠠᠨᠳᠠᠭᠠᠨ ᠰᠡᠷᠬᠦᠯᠲᠡ ᠶᠢᠨ ᠣᠷᠣᠨ ᠤ ᠰᠢᠯᠵᠢᠬᠡᠳᠣᠢ ᠮᠠᠯᠴᠢᠨ ᠲᠠᠷᠢᠶᠠᠴᠢᠳ ᠤᠨ ᠦᠢᠯᠡᠳᠪᠣᠷᠢᠯᠡᠯ ᠠᠮᠢᠲᠣᠷᠠᠯ ᠤᠨ ᠨᠦᠬᠦᠴᠡᠯ ᠢ ᠠᠯᠬᠤᠮ | ᠠᠯᠬᠤᠮ ᠢᠶᠠᠷ ᠰᠠᠶᠢᠵᠢᠷᠠᠭᠤᠯᠣᠨ᠎ᠠ᠃ ᠭᠤᠷᠪᠠ ᠳᠤ᠂ ᠮᠠᠯᠵᠢᠬᠤ ᠲᠠᠷᠢᠶᠠᠯᠠᠬᠤ ᠤᠷᠤᠨ ᠤ ᠠᠮᠢᠳᠤᠷᠠᠯ ᠤᠨ ᠤᠷᠴᠢᠨ ᠢ ᠪᠦᠬᠦ ᠳᠠᠯ᠎ᠠ ᠪᠠᠷ ᠰᠠᠶᠢᠵᠢᠷᠠᠭᠤᠯᠤᠨ᠎ᠡ᠃ ︽ | ᠪᠦᠬᠦ ᠣᠯᠣᠰ ᠤᠨ ᠪᠣᠯᠪᠠᠰᠣᠨ ᠬᠤᠰᠢᠭᠤ︾ ᠶᠢᠨ ᠴᠣᠭᠴᠠᠯᠠᠯᠲᠠ ᠠᠴᠠ ᠭᠠᠷᠳᠠᠵᠤ᠂ ︽ᠨᠣᠲᠤᠭ ᠤᠨ ᠪᠣᠯᠪᠠᠰᠣᠨ ᠰᠣᠷᠲᠠᠯ︾ ᠤᠨ ᠠᠵᠢᠯᠯᠠᠭ᠎ᠠ ᠶᠢ ᠯᠠᠪᠳᠠᠭᠤᠨ | ᠠᠬᠢᠭᠤᠯᠵᠤ᠂ ᠬᠦᠮᠦᠨ ᠠᠮᠠ ᠲᠦᠪᠯᠡᠷᠡᠩᠬᠦᠢ ᠣᠷᠣᠨ᠂ ᠭᠤᠤᠯᠳᠠᠯᠭᠠᠳᠤ ᠵᠠᠮ ᠱᠤᠭᠤᠮ ᠤᠨ ᠣᠷᠴᠢᠨ ᠲᠣᠭᠤᠷᠢᠨ ᠤ ᠶᠡᠷᠥᠩᠭᠡᠶᠢᠯᠡᠭᠰᠡᠨ ᠴᠡᠭᠴᠡᠯᠡᠯᠳᠡ ᠶᠢ | ᠭᠤᠤᠯᠳᠠᠯᠭ᠎ᠠ ᠲᠠᠢ ᠴᠢᠩᠭᠠᠳᠬᠠᠨ᠂ ᠬᠤᠭ ᠨᠣᠪᠰᠢ᠂ ᠪᠣᠵᠠᠷ ᠣᠰᠣ ᠰᠢᠢᠳᠪᠣᠷᠢᠯᠡᠬᠦ ᠲᠦᠬᠦᠬᠡᠷᠣᠮᠵᠢ ᠶᠢ ᠲᠡᠬᠦᠯᠳᠡᠷᠵᠢᠬᠦᠯᠵᠣ᠂ ᠬᠤᠭ ᠨᠤᠪᠰᠢ ᠴᠤᠭᠯᠠᠭᠤᠯᠬᠤ | ᠥᠷᠳᠡᠭᠡ ᠲᠤᠬᠢᠷᠠᠭᠤᠯᠤᠨ᠂ ᠴᠠᠪᠠᠷ ᠲᠤᠬᠢᠯᠢᠭ ᠬᠦᠳᠡᠭᠡ ᠲᠣᠰᠬᠤᠨ ᠢ ᠴᠣᠭᠴᠠᠯᠠᠨ᠎ᠠ᠃ | ︵ᠲᠦᠷᠪᠠ︶ ᠤᠳᠤ ᠦᠶ᠎ᠡ ᠶᠢᠨ ᠤᠶᠢᠯᠡᠴᠢᠯᠡᠬᠡᠨ ᠤ ᠥᠢᠯᠡᠰ ᠤᠨ ᠲᠦᠷᠬᠡᠨ ᠬᠦᠭᠵᠢᠯᠳᠠ ᠶᠢ ᠠᠬᠢᠭᠤᠯᠤᠨ᠎ᠠ᠃ ᠨᠢᠭᠡ ᠳᠤ᠂ ᠵᠢᠭᠤᠯᠴᠢᠯᠠᠯ ᠤᠨ ᠥᠢᠯᠡᠰ | ᠤᠨ ᠠᠮᠢᠵᠢᠷᠠᠯ ᠢ ᠭᠥᠭᠵᠢᠭᠡᠨ᠎ᠡ᠃ ᠨᠢᠩᠰᠢᠶᠠ ᠶᠢᠨ ᠵᠢᠭᠤᠯᠴᠢᠯᠠᠯ ᠤᠨ ᠭᠥᠷᠢᠶᠡᠨ ᠳᠤ ᠰᠠᠨᠠᠭᠠᠴᠢᠯᠠᠭᠠᠳᠠᠢ ᠠᠭᠤᠰᠤᠯᠴᠠᠨ᠂ ︽ᠤᠷᠳᠤᠰ ᠤᠨ ᠥᠵᠡᠮᠵᠢ ᠶᠢᠨ ᠵᠠᠮ︾ | ᠢᠶᠠᠷ ᠲᠡᠩᠭᠡᠯᠢᠭ ᠪᠤᠯᠭᠠᠨ ᠲᠡᠯᠡᠨ ᠲᠡᠭᠦᠯᠳᠡᠷᠵᠢᠭᠦᠯᠵᠥ᠂ ᠵᠢᠭᠤᠯᠴᠢᠯᠠᠯ ᠤᠨ ᠤᠶᠢᠯᠡᠰ ᠤᠨ ᠪᠦᠬᠦᠶᠢᠯᠡ ᠴᠤᠭᠴᠠ ᠶᠢᠨ ᠨᠦᠯᠤᠬᠡᠯᠡᠬᠦ ᠬᠦᠴᠤᠨ ᠪᠠ ᠦᠷᠢᠰᠤᠯᠳᠤᠬᠦ | ᠬᠦᠴᠤᠨ ᠢ ᠨᠡᠮᠡᠭᠳᠡᠬᠦᠯᠤᠨ᠎ᠠ᠃ ᠱᠠᠩᠬᠠᠢ ᠶᠢᠨ ᠰᠥᠮ᠎ᠡ ᠶᠢᠨ ᠨᠠᠷᠬᠢᠶᠠᠨᠳᠤ ᠲᠠᠯ᠎ᠠ ᠨᠤᠳᠤᠭ ᠪᠤᠯᠤᠨ ᠶᠡᠭᠡ ᠲᠤᠯᠤᠨ ᠤ ᠵᠢᠭᠤᠯᠴᠢᠯᠠᠯ ᠤᠨ ᠤᠷᠤᠨ ᠵᠡᠷᠭᠡ ᠪᠠᠷ | ᠭᠤᠤᠯᠳᠠᠯᠭ᠎ᠠ ᠪᠤᠯᠭᠠᠵᠤ᠂ ᠬᠤᠳᠠ ᠶᠢᠨ ᠵᠢᠭᠤᠯᠴᠢᠯᠠᠯ ᠤᠨ ᠭᠥᠭᠵᠢᠭᠦᠯᠥᠯᠳᠡ ᠶᠢᠨ ᠰᠠᠭᠤᠷᠢ ᠮᠦᠩᠬᠦᠨ ᠤ ᠳᠡᠮᠵᠢᠯᠬᠡ ᠶᠢ ᠢᠳᠡᠪᠬᠢᠯᠡᠨ ᠤᠯᠵᠤ᠂ ᠬᠤᠭᠤᠯᠠ ᠬᠤᠨᠤᠭ | ᠠᠶᠠᠯᠠᠯ ᠪᠤᠯᠤᠨ ᠵᠤᠭᠠᠯᠠᠭ᠎ᠠ ᠭᠡᠷᠡᠭᠯᠡᠭᠡ ᠵᠢᠭᠤᠯᠴᠢᠯᠠᠭᠠ ᠵᠡᠷᠭᠡ ᠭᠤᠭᠴᠤᠭ᠎ᠠ ᠶᠢ ᠲᠡᠭᠦᠯᠳᠡᠷᠵᠢᠭᠦᠯᠥᠨ ᠲᠡᠰ ᠲᠡᠪᠰᠢᠭᠦᠯᠵᠥ᠂ ᠰᠤᠶᠤᠯ ᠤᠨ ᠵᠥᠷᠢᠶ᠎ᠡ ᠪᠤᠯᠤᠨ ᠤᠯᠠᠨ | ᠶᠠᠩᠵᠤᠳᠤ ᠴᠢᠨᠠᠷ ᠢᠶᠠᠷ ᠵᠢᠭᠤᠯᠴᠢᠳ ᠢ ᠳᠠᠳᠠᠨ᠂ ᠬᠡᠷᠡᠭᠯᠡᠭᠡ ᠶᠢ ᠬᠦᠭᠵᠢᠬᠡᠨ᠎ᠠ᠃ ᠲᠠᠷᠢᠶᠠᠴᠢᠨ ᠠᠶᠢᠯ ᠤᠨ ᠪᠠᠶᠠᠰᠤᠯ᠂ ᠮᠠᠯᠴᠢᠨ ᠠᠶᠢᠯ ᠤᠨ ᠵᠤᠭᠠᠴᠠᠯ ᠢ ᠭᠥᠴᠥᠯᠡᠨ | ᠭᠥᠭᠵᠢᠭᠦᠯᠵᠥ᠂ ᠵᠢᠭᠤᠯᠴᠢᠯᠡᠯ ᠤᠨ ᠥᠢᠯᠡᠰ ᠤᠨ ᠪᠥᠭᠦ ᠭᠤᠭᠴᠤᠭ᠎ᠠ ᠬᠠᠷᠢᠯᠴᠠᠨ ᠨᠥᠭᠦᠪᠥᠷᠢᠯᠡᠭᠰᠡᠨ ᠭᠥᠭᠵᠢᠯᠳᠡ ᠶᠢᠨ ᠬᠠᠨᠳᠤᠰᠢ ᠶᠢ ᠪᠥᠷᠢᠯᠳᠥᠭᠦᠯᠥᠨ᠎ᠡ᠃ ᠬᠤᠶᠠᠷ | ᠲᠤ᠂ ᠰᠤᠶᠤᠯ ᠤᠨ ᠠᠵᠤ ᠥᠢᠯᠡᠰ ᠢ ᠪᠠᠳᠠᠷᠠᠭᠤᠯᠤᠨ᠎ᠠ᠃ ᠨᠠᠶᠢᠬᠡᠮ ᠤᠨ ᠪᠦᠯᠬᠦᠮ᠂ ᠠᠷᠠᠤᠨ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠯᠢᠭ ᠬᠦᠴᠤᠨ ᠢ | ᠬᠦᠭᠵᠢᠬᠡᠵᠤ᠂ ᠭᠠᠵᠠᠷ ᠤᠷᠤᠨ ᠤ ᠰᠤᠶᠤᠯ ᠢ ᠰᠤᠳᠤᠯᠵᠤ ᠰᠥᠪᠡᠭᠴᠢᠯᠡᠨ ᠴᠡᠭᠴᠡᠯᠡᠵᠥ᠂ ᠡᠴᠢᠨ᠎ᠡ ᠭᠥᠨ ᠰᠤᠳᠤᠨ ᠭᠤᠶᠢᠳᠠ ᠰᠤᠶᠤᠯ ᠢᠶᠠᠨ ᠵᠢᠭᠤᠯᠴᠢᠯᠠᠯ ᠤᠨ | ᠪᠥᠭᠦ ᠬᠠᠷᠠᠭᠠᠰᠤᠨ ᠳᠤ ᠳᠤᠳᠤᠷᠠᠭᠤᠯᠤᠨᠠ᠃ ᠵᠠᠰᠠᠭ ᠤᠨ ᠤᠷᠳᠤᠨ ᠤ ᠴᠢᠳᠠᠪᠬᠢ ᠶᠢ ᠪᠠᠳᠠᠷᠠᠭᠤᠯᠵᠤ᠂ ᠰᠤᠷᠭᠠᠨ ᠭᠥᠮᠥᠵᠢᠯ ᠤᠨ ᠭᠥᠷᠢᠶᠠᠯᠠᠩ ᠤᠨ ᠲᠤᠭᠯᠠᠯᠳᠠ | ᠶᠢᠨ ᠲᠥᠪ ᠪᠤᠯᠤᠨ ᠤᠯᠠᠭᠠᠨᠮᠥ᠋ᠴᠢᠷ ᠵᠡᠷᠭᠡ ᠡᠬᠢ ᠰᠤᠷᠪᠤᠯᠵᠢ ᠨᠤᠭᠤᠳ ᠢ ᠵᠢᠭᠤᠯᠴᠢᠯᠠᠯ ᠤᠨ ᠥᠢᠯᠡᠰ ᠯᠦᠭᠡ ᠨᠢᠭᠳᠠ ᠤᠶᠠᠯᠳᠤᠭᠤᠯᠤᠨ ᠪᠥᠭᠦᠶᠢᠯᠡ ᠪᠠᠷ ᠨᠢ ᠵᠠᠬ᠎ᠠ | ᠲᠡᠯᠭᠡᠭᠦᠷᠴᠢᠯᠡᠨ᠂ ᠵᠢᠭᠤᠯᠴᠢᠯᠠᠯ ᠤᠨ ᠭᠥᠭᠵᠢᠯᠳᠡ ᠶᠢᠨ ᠲᠤᠳᠠᠭᠳᠠᠯ ᠢ ᠨᠥᠭᠦᠨᠡ᠃ ᠰᠤᠶᠤᠯ ᠤᠨ ᠠᠵᠤ ᠥᠢᠯᠡᠰ ᠤᠨ ᠲᠠᠪᠴᠠᠩ ᠤᠨ ᠪᠠᠶᠢᠭᠤᠯᠤᠯᠳᠠ ᠶᠢ | ᠬᠢᠮᠠᠭᠠᠳᠠᠵᠤ᠂ ᠵᠠᠬ᠎ᠠ ᠲᠡᠯᠭᠡᠭᠦᠷ ᠵᠥᠭ ᠬᠠᠨᠳᠤᠭᠤᠯᠤᠨ᠂ ᠭᠥᠷᠢᠶᠡᠯᠡᠠᠩ ᠲᠤᠭᠤᠷᠢᠭ ᠤᠨ ᠡᠵᠡᠩᠨᠡᠯᠳᠡ ᠶᠢᠨ ᠠᠷᠭ᠎ᠠ ᠶᠢ ᠲᠤᠭᠳᠠᠭᠠᠨ᠂ ᠥᠨᠳᠥᠰᠥᠳᠡᠨ ᠤ ᠭᠠᠷ | ᠤᠷᠠᠯᠠᠯ᠂ ᠲᠠᠮᠢᠷ ᠪᠡᠶ᠎ᠡ ᠴᠢᠬᠢᠷᠠᠭᠵᠢᠯ᠂ ᠲᠡᠯᠭᠡᠨ ᠥᠵᠡᠭᠦᠯᠥᠭᠡ᠂ ᠪᠢᠴᠢᠯᠭᠡ ᠵᠢᠷᠤᠭ᠂ ᠰᠢᠨᠵᠢᠯᠡᠭᠡ ᠮᠡᠷᠭᠡᠵᠢᠯ ᠵᠡᠷᠭᠡ ᠶᠢ ᠭᠤᠤᠯᠳᠠᠯᠭᠠᠳᠠᠢ ᠭᠥᠭᠵᠢᠭᠦᠯᠥᠨ᠂ ᠨᠡᠷ᠎ᠡ | ᠠᠯᠳᠠᠷᠰᠢᠯ᠂ ᠠᠮᠢᠵᠢᠷᠠᠯ ᠤᠨ ᠭᠥᠴᠥᠨ᠂ ᠦᠷ᠎ᠠ ᠠᠰᠢᠭ ᠢ ᠨᠡᠮᠡᠭᠳᠡᠬᠦᠯᠤᠨ᠎ᠠ᠃ ᠭᠤᠷᠪᠠ ᠳᠤ᠂ ᠥᠢᠯᠡᠳᠪᠥᠷᠢᠯᠡᠯ ᠤᠨ ᠴᠢᠨᠠᠷᠳᠠᠢ ᠥᠢᠯᠡᠴᠢᠯᠡᠭᠡᠨ ᠤ ᠥᠢᠯᠡᠰ ᠢ | ᠭᠥᠭᠵᠢᠭᠦᠯᠥᠨ᠎ᠡ᠃ ᠡᠯᠺᠲᠷᠤᠨ ᠠᠷᠠᠯᠵᠢᠶᠠᠨ ᠶᠠᠪᠤᠳᠠᠯ ᠤᠨ ᠳᠡᠪᠴᠡᠩ ᠤᠨ ᠪᠠᠶᠢᠭᠤᠯᠤᠯᠳᠠ ᠶᠢ ᠡᠬᠢᠯᠡᠬᠦᠯᠵᠤ᠂ ᠨᠠᠩ ᠤᠯᠠᠨ ᠠᠵᠤ ᠠᠬᠤᠶᠢᠯᠠᠯ ᠪᠠ ᠬᠤᠪᠢ ᠬᠦᠮᠤᠨ | ᠰᠦᠯᠵᠢᠶᠡᠨ ᠳᠡᠯᠬᠡᠬᠦᠷ ᠡᠷᠬᠢᠯᠡᠬᠦ ᠶᠢ ᠵᠤᠷᠢᠭᠵᠢᠭᠤᠯᠤᠨ᠂ ︽ᠤᠳᠤᠭ ᠤᠨ ᠡᠮᠤᠨᠡᠳᠤ ᠬᠤᠰᠢᠭᠤᠨ ᠤ ᠪᠦᠳᠤᠬᠡᠭᠳᠡᠬᠦᠨ︾ ᠢ ᠬᠤᠰᠢᠭᠤ ᠨᠤᠳᠤᠭ ᠠᠴᠠ ᠭᠠᠷᠭᠠᠵᠤ᠂ | ᠪᠦᠬᠦ ᠤᠯᠤᠰ ᠲᠤ ᠳᠠᠷᠬᠠᠭᠠᠨ᠎ᠠ᠃ ᠮᠥᠩᠭᠦᠨ ᠭᠥᠢᠯᠭᠡᠭᠡᠨ ᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢᠶᠠᠨ ᠥᠷᠭᠡᠳᠭᠡᠭᠦ ᠶᠢ ᠵᠤᠷᠢᠭᠵᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠳᠤ ︽ᠮᠠᠯ ᠲᠠᠷᠢᠶᠠᠯᠠᠩ ᠢ ᠲᠡᠳᠭᠦᠭᠦ ᠥᠢᠯᠡᠴᠢᠯᠡᠭᠡᠨ ᠤ ᠴᠡᠭ︾ ᠤᠨ ᠨᠡᠶᠢᠳᠡᠮ ᠪᠥᠷᠭᠦᠴᠡ ᠶᠢ ᠪᠡᠶᠡᠯᠡᠭᠦᠯᠥᠨ᠂ ᠮᠠᠯ ᠲᠠᠷᠢᠶᠠᠯᠠᠩ ᠢ | ᠭᠥᠭᠵᠢᠭᠦᠯᠭᠦ ᠬᠠᠷᠠᠭᠠᠯᠵᠠᠬᠤ ᠲᠡᠳᠭᠦᠭᠦ ᠬᠠᠪᠰᠤᠷᠠᠬᠤ ᠥᠢᠯᠡᠳᠥᠯ ᠢ ᠪᠠᠳᠠᠷᠠᠭᠤᠯᠤᠨ᠎ᠠ᠃ ᠲᠤᠰᠬᠠᠢ ᠲᠥᠷᠥᠯ ᠤᠨ ᠭᠥᠭᠵᠢᠯᠳᠡ ᠶᠢᠨ ᠲᠥᠯᠥᠪᠯᠡᠭᠡ ᠲᠤᠭᠳᠠᠭᠠᠵᠤ᠂ | ᠨᠡᠭᠦᠷᠡᠰᠤ ᠪᠤᠯᠤᠨ ᠨᠡᠭᠦᠷᠡᠰᠥᠨ ᠬᠢᠮᠢ ᠶᠢᠨ ᠵᠦᠬᠡᠬᠡᠪᠤᠷᠢ ᠪᠠᠷ ᠭᠤᠤᠯᠯᠠᠭᠤᠯᠤᠨ ᠡᠩ ᠤᠨ ᠲᠡᠭᠡᠭᠡᠪᠥᠷᠢ ᠪᠠᠷ ᠲᠡᠳ᠋ᠯᠠᠭᠦᠯᠥᠭᠰᠡᠨ ᠪᠠᠷᠠᠭ᠎ᠠ ᠭᠥᠢᠯᠭᠡᠭᠡᠨ ᠤ ᠲᠤᠭᠳᠠᠴᠠ | ᠪᠥᠷᠢᠯᠳᠤᠭᠦᠯᠥᠨ᠂ ᠭᠤᠤᠯᠳᠠᠯᠭᠠᠳᠤ ᠵᠠᠰᠠᠮᠠᠯ ᠵᠠᠮ ᠱᠤᠭᠤᠮ ᠲᠠᠭᠠᠤ ᠶᠡᠷᠤᠩᠬᠡᠶᠢᠯᠡᠭᠰᠡᠨ ᠥᠢᠯᠡᠴᠢᠯᠡᠭᠡᠨ ᠤ ᠤᠷᠤᠨ ᠲᠤᠬᠢᠷᠠᠭᠤᠯᠵᠤ᠂ ᠵᠠᠮ ᠠᠶᠠᠯᠠᠭᠰᠠᠳ ᠲᠤ | ᠥᠢᠯᠡᠴᠢᠯᠡᠭᠡ ᠬᠠᠩᠭᠠᠨ ᠭᠡᠷᠡᠭᠯᠡᠭᠡ ᠶᠢ ᠠᠬᠢᠭᠤᠯᠤᠨ᠎ᠠ᠃ ᠲᠥᠷᠪᠡ ᠳᠤ᠂ ᠡᠷᠡᠭᠦᠯ ᠴᠢᠬᠢᠷᠠᠭᠵᠢᠯ ᠪᠤᠯᠤᠨ ᠨᠠᠰᠤᠵᠢᠯ ᠤᠨ ᠠᠵᠤ ᠥᠢᠯᠡᠰ ᠢ ᠪᠤᠶᠢᠵᠢᠭᠤᠯᠤᠨ᠎ᠠ᠃ | ᠦᠪᠡᠷᠳᠡᠬᠡᠨ ᠵᠠᠰᠠᠬᠤ ᠤᠷᠤᠨ ᠤ ᠬᠠᠷᠠᠭᠠᠯᠵᠠᠯ ᠲᠦᠷᠤ ᠶᠢᠨ ᠪᠤᠳᠤᠯᠭ᠎ᠠ ᠶᠢ ᠪᠤᠳᠠᠳᠠᠶᠢᠵᠢᠭᠤᠯᠤᠨ᠂ ᠨᠠᠶᠢᠬᠡᠮ ᠤᠨ ᠬᠦᠴᠤᠨ ᠪᠡᠯᠡ ᠤᠷᠤᠭᠤᠯᠤᠨ ᠡᠷᠡᠬᠦᠯᠵᠢᠯ | ᠰᠤᠪᠢᠯᠠᠯ ᠴᠢᠬᠢᠷᠠᠭᠵᠢᠯ ᠪᠤᠯᠤᠨ ᠨᠠᠰᠤᠵᠢᠯ ᠤᠶᠢᠯᠡᠴᠢᠯᠡᠬᠡᠨ ᠤ ᠭᠠᠵᠠᠷ ᠵᠡᠷᠬᠡ ᠤᠶᠢᠯᠡᠴᠢᠯᠡᠬᠡᠨ ᠤ ᠤᠶᠢᠯᠡᠰ ᠡᠷᠬᠢᠯᠡᠬᠦ ᠶᠢ ᠢᠳᠡᠪᠬᠢᠳᠠᠢ ᠳᠡᠮᠵᠢᠬᠦ ᠪᠠ ᠵᠤᠷᠢᠭᠵᠢᠭᠤᠯᠵᠤ᠂ | ︽ᠠᠵᠠᠳᠠᠢ︾ ᠡᠷᠡᠭᠦᠯᠵᠢᠯ ᠰᠤᠪᠢᠯᠠᠯ ᠤᠨ ᠭᠥᠷᠢᠶᠡᠯᠠᠩ ᠤᠨ ᠪᠠᠶᠢᠭᠤᠯᠤᠯᠳᠠ ᠶᠢ ᠡᠬᠢᠯᠡᠭᠦᠯᠥᠨ᠂ ᠲᠥᠪᠡᠳ ᠤᠨ ᠰᠢᠨ᠎ᠡ ᠮᠠᠶ᠋ᠢᠭ ᠤᠨ ᠠᠶᠢᠯ ᠲᠤᠰᠬᠤᠨ ᠤ ᠵᠠᠬ᠎ᠠ | ᠲᠡᠯᠭᠡᠭᠦᠷᠴᠢᠯᠡᠭᠰᠡᠨ ᠡᠷᠬᠢᠯᠳᠡ ᠶᠢ ᠰᠥᠪᠡᠭᠴᠢᠯᠡᠨ᠂ ᠭᠤᠷᠪᠠᠳᠤᠭᠠᠷ ᠠᠵᠤ ᠥᠢᠯᠡᠰ ᠤᠨ ᠤᠯᠠᠨ ᠡᠰᠢᠳᠤ ᠬᠦᠭᠵᠢᠯᠳᠠ ᠶᠢ ᠠᠬᠢᠭᠤᠯᠤᠨ᠎ᠠ᠃ | ︵ᠳᠠᠪᠤ︶ ᠬᠡᠪ ᠨᠠᠮᠪᠠᠭᠠᠳᠤ ᠬᠤᠳᠠ ᠪᠠᠯᠭᠠᠰᠤᠨ ᠤ ᠪᠠᠶᠢᠭᠤᠯᠤᠯᠳᠠ ᠶᠢ ᠠᠬᠢᠭᠤᠯᠤᠨ᠎ᠠ᠃ ︽ᠬᠤᠳᠠ ᠪᠠᠯᠭᠠᠰᠤ ᠶᠢ ᠨᠠᠷᠢᠯᠢᠭᠵᠢᠭᠤᠯᠤᠨ ᠬᠠᠮᠢᠶᠠᠷᠬᠤ ᠠᠷᠭ᠎ᠠ︾ | ᠶᠢ ᠲᠤᠭᠳᠠᠭᠠᠨ᠂ ᠲᠤᠰᠬᠠᠢ ᠵᠤᠬᠢᠶᠠᠨ ᠪᠠᠶᠢᠭᠤᠯᠤᠯᠳᠠ ᠪᠠ ᠭᠡᠷᠡᠭ ᠵᠥᠪᠯᠡᠭᠦ ᠰᠠᠯᠠᠭ᠎ᠠ ᠮᠥᠴᠢᠷ ᠭᠠᠷᠭᠠᠵᠤ᠂ ᠬᠠᠮᠢᠶᠠᠷᠤᠯᠳᠠ ᠪᠥᠳᠥᠭᠦᠯᠢᠭ᠂ ᠡᠭᠦᠷᠭᠡ ᠬᠠᠷᠢᠭᠤᠴᠠᠯᠭ᠎ᠠ | ᠲᠤᠳᠤ ᠥᠭᠡᠢ᠂ ᠨᠠᠶᠢᠳᠠᠪᠤᠷᠢᠵᠢᠭᠤᠯᠤᠯᠳᠠ ᠲᠤᠤᠱᠳᠠᠢ ᠪᠤᠰᠤ ᠵᠡᠷᠭᠡ ᠠᠰᠠᠭᠤᠳᠠᠯ ᠤᠳ ᠢ ᠰᠢᠢᠳᠪᠥᠷᠢᠯᠡᠨ᠂ ᠬᠤᠳᠠ ᠪᠠᠯᠭᠠᠰᠤ ᠪᠡᠯᠡ ᠤᠷᠤᠭᠤᠯᠤᠨ ᠪᠠᠶᠢᠭᠤᠯᠬᠤ | ᠬᠤᠭᠤᠴᠠᠭ᠎ᠠ ᠠᠴᠠ ᠨᠠᠷᠢᠯᠢᠭᠵᠢᠭᠤᠯᠤᠨ ᠬᠠᠮᠢᠶᠠᠷᠬᠤ ᠬᠤᠭᠤᠴᠠᠭ᠎ᠠ ᠳᠡᠰᠢ ᠰᠢᠯᠵᠢᠬᠦ ᠶᠢ ᠪᠡᠶᠡᠯᠡᠬᠦᠯᠤᠨ᠎ᠠ᠃ ᠬᠤᠳᠠ ᠪᠠᠯᠭᠠᠰᠤᠨ ᠤ ᠴᠢᠳᠠᠪᠬᠢ ᠶᠢ ᠳᠡᠬᠡᠭᠰᠢᠯᠡᠬᠦᠯᠵᠤ᠂ | ᠤᠯᠵᠠᠴᠢ ᠭᠤᠤᠯᠳᠠᠭᠤ ᠭᠠᠵᠠᠷ ᠳᠤᠤᠷᠠᠬᠢ ᠳᠤᠤᠷ ᠬᠤᠭᠤᠯᠠᠢ᠂ ᠲᠦᠷᠪᠠᠨ ᠤᠷᠤᠵᠤ ᠭᠠᠷᠬᠤ ᠵᠠᠮ ᠤᠨ ᠴᠢᠮᠡᠭᠯᠡᠯ᠂ ᠨᠤᠷᠠᠭᠠᠨ ᠨᠡᠬᠦᠯᠬᠡᠭᠰᠡᠨ ᠤᠷᠤᠨ ᠤ ᠴᠡᠭᠴᠡᠯᠡᠯᠳᠠ | ᠂ ᠵᠠᠰᠠᠵᠤ ᠳᠠᠭᠤᠰᠤᠭᠠᠳᠤᠢ ᠵᠠᠮ ᠤᠨ ᠵᠠᠰᠠᠯᠳᠠ᠂ ᠰᠠᠭᠤᠭᠠᠯᠢ ᠳᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠳᠡᠬᠡᠷ᠎ᠠ ᠬᠦᠴᠤ ᠳᠠᠯᠪᠢᠵᠤ᠂ ᠠᠵᠤ ᠠᠬᠤᠶᠢᠯᠡᠯ ᠢ | ᠤᠷᠢᠨ ᠬᠤᠳᠠ ᠪᠠᠯᠭᠠᠰᠤᠨ ᠤ ᠪᠤᠵᠠᠷ ᠤᠰᠤ᠂ ᠬᠤᠭ ᠨᠤᠪᠰᠢ ᠵᠡᠷᠬᠡ ᠬᠠᠶᠠᠭᠳᠠᠮᠠᠯ ᠪᠤᠳᠠᠰ ᠢ ᠡᠬᠢ ᠰᠤᠷᠪᠤᠯᠵᠢ ᠪᠤᠯᠭᠠᠨ ᠬᠤᠪᠢᠷᠠᠭᠠᠬᠤ ᠲᠦᠷᠤᠯ ᠵᠦᠢᠯ ᠤᠨ | ᠪᠠᠷᠢᠯᠭ᠎ᠠ ᠶᠢ ᠡᠬᠢᠯᠡᠬᠦᠯᠵᠤ᠂ ᠬᠤᠳᠠ ᠬᠦᠳᠡᠭᠡ ᠶᠢᠨ ᠤᠷᠴᠢᠨ ᠳᠤᠭᠤᠷᠢᠨ ᠤ ᠪᠤᠭᠤᠮᠢ ᠬᠢᠵᠠᠭᠠᠷᠯᠠᠯ ᠢ ᠡᠪᠳᠡᠨ᠎ᠠ︔ ᠱᠠᠩᠬᠠᠢ ᠶᠢᠨ ᠰᠦᠮ᠎ᠠ ᠪᠠᠯᠭᠠᠰᠤ ᠶᠢᠨ ᠵᠠᠮ | ᠵᠡᠬᠡᠯᠢ ᠶᠢᠨ ᠰᠡᠯᠪᠢᠯᠳᠠ᠂ ᠨᠠᠶᠢᠬᠡᠮ ᠳᠤᠭᠤᠷᠢᠭ ᠤᠨ ᠨᠤᠭᠤᠭᠠᠵᠢᠭᠤᠯᠤᠯᠳᠠ᠂ ᠭᠤᠶᠤᠵᠢᠭᠤᠯᠤᠯᠳᠠ ᠪᠠ ᠬᠡᠷᠡᠯᠳᠤᠬᠦᠯᠬᠡ ᠶᠢ ᠰᠠᠶᠢᠳᠤᠷ ᠬᠢᠵᠤ᠂ ᠬᠤᠳᠠ ᠪᠠᠯᠭᠠᠰᠤᠨ ᠤ | ᠬᠡᠪ ᠴᠢᠨᠰᠠᠭ᠎ᠠ ᠶᠢ ᠳᠡᠬᠡᠭᠰᠢᠯᠡᠬᠦᠯᠤᠨ᠎ᠠ᠃ ᠬᠤᠳᠠ ᠪᠠᠯᠭᠠᠰᠤ ᠶᠢᠨ ᠬᠠᠤᠯᠢ ᠬᠡᠷᠡᠭᠵᠢᠬᠦᠯᠤᠯᠳᠠ᠂ ᠵᠠᠮ ᠵᠡᠬᠡᠯᠢ ᠶᠢᠨ ᠰᠡᠯᠪᠢᠯᠳᠠ᠂ ᠤᠷᠴᠢᠨ ᠳᠤᠭᠤᠷᠢᠨ ᠤ | ᠴᠡᠭᠴᠡᠯᠡᠯᠳᠠ᠂ ᠨᠠᠶᠢᠬᠡᠮ ᠳᠤᠭᠤᠷᠢᠭ ᠤᠨ ᠤᠶᠢᠯᠡᠴᠢᠯᠡᠭᠡ ᠶᠢ ᠦᠨᠡᠨᠬᠦ ᠴᠢᠩᠭᠠᠤᠨᠬᠠᠵᠤ᠂ ᠪᠠᠶᠢᠩᠭᠤ ᠶᠢᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠤ᠂ ᠬᠤᠳᠠ | ᠪᠠᠯᠭᠠᠰᠤ ᠶᠢ ᠨᠠᠩ ᠴᠡᠪᠡᠷ᠂ ᠡᠮᠬᠢᠳᠠᠢ᠂ ᠭᠤᠶᠤ᠂ ᠪᠤᠯᠪᠠᠰᠤᠨ ᠪᠤᠯᠭᠠᠨ᠎ᠠ᠃ ᠨᠠᠶᠢᠬᠡᠮ ᠳᠤᠭᠤᠷᠢᠭ ᠤᠨ ᠤᠶᠢᠯᠡᠴᠢᠯᠡᠬᠡᠨ ᠤ ᠴᠢᠳᠠᠪᠬᠢ ᠶᠢ ᠴᠢᠩᠭᠠᠤᠨᠬᠠᠵᠤ᠂ ︽ | ᠰᠠᠨᠠᠭᠠᠴᠢᠯᠠᠭ᠎ᠠ ᠲᠠᠢ ᠪᠠᠷ ᠤᠶᠢᠯᠡᠴᠢᠯᠡᠬᠦ︾ ᠲᠦᠷᠢᠮ ᠢ ᠪᠤᠳᠠᠳᠠᠶᠢᠵᠢᠭᠤᠯᠵᠤ᠂ ᠰᠠᠨᠠᠭᠠᠴᠢᠯᠠᠭ᠎ᠠ ᠲᠠᠢ ᠪᠠᠷ ᠳᠤᠷᠤᠭᠰᠢ ᠪᠠᠭᠤᠨ ᠤᠶᠢᠯᠡᠴᠢᠯᠡᠵᠤ᠂ ᠵᠠᠰᠠᠭ ᠤᠨ ᠶᠠᠪᠤᠳᠠᠯ | ᠤᠨ ᠲᠢᠩᠬᠢᠮ ᠤᠨ ︽ᠲᠦᠪᠯᠡᠷᠡᠩᠬᠦᠢ ᠬᠦᠢᠴᠡᠤᠨᠬᠡᠯᠳᠠ︾ ᠶᠢᠨ ᠤᠶᠢᠯᠡᠴᠢᠯᠡᠬᠡᠨ ᠤ ᠴᠢᠳᠠᠪᠬᠢ ᠶᠢ ᠦᠷᠬᠡᠤᠨᠬᠡᠵᠤ᠂ ᠨᠠᠶᠢᠬᠡᠮ ᠳᠤᠭᠤᠷᠢᠭ ᠤᠨ ᠰᠠᠭᠤᠭᠠᠯᠢ ᠠᠷᠠᠤᠨ | ᠲᠤ ᠦᠨᠡᠨᠬᠦ ᠲᠦᠬᠦᠮ ᠲᠦᠳᠠ ᠤᠶᠢᠯᠡᠴᠢᠯᠡᠭᠡ ᠬᠠᠩᠭᠠᠨ᠎ᠠ᠃ ︽ᠬᠤᠳᠠ ᠪᠠᠯᠭᠠᠰᠤ ᠪᠠᠨ ᠡᠵᠡᠩᠨᠡᠭᠦ︾ ᠤᠶᠢᠯᠠᠭᠠᠭᠳᠠᠬᠤᠨ ᠢ ᠪᠤᠢ ᠪᠤᠯᠭᠠᠨ᠂ ᠵᠠᠬ᠎ᠠ ᠲᠠᠯᠭᠡᠭᠦᠷ ᠤᠨ | ᠠᠵᠢᠯᠯᠠᠮᠵᠢ ᠶᠢ ᠪᠠᠷᠢᠮᠳᠠᠯᠠᠵᠤ᠂ ᠬᠤᠳᠠ ᠪᠠᠯᠭᠠᠰᠤᠨ ᠤ ᠨᠥᠭᠡᠴᠡ ᠭᠥᠷᠥᠩᠭᠡ ᠶᠢ ᠠᠮᠢᠳᠤᠯᠢᠭᠵᠢᠭᠤᠯᠤᠨ᠂ ᠤᠯᠵᠠᠴᠢ ᠶᠢᠨ ᠮᠠᠯ ᠲᠠᠷᠢᠶᠠᠯᠠᠩ ᠤᠨ ᠵᠠᠬ᠎ᠠ ᠪᠤᠯᠤᠨ | ᠱᠠᠩᠬᠠᠢ ᠶᠢᠨ ᠰᠥᠮ᠎ᠡ ᠶᠢᠨ ᠠᠳᠠᠯ ᠪᠤᠰᠬᠠᠵᠤ ᠠᠵᠢᠯ ᠤᠯᠬᠤ ᠵᠠᠬ᠎ᠠ ᠲᠡᠯᠭᠡᠭᠦᠷ ᠢ ᠠᠰᠢᠭᠯᠠᠨ᠂ ᠠᠵᠢᠯ ᠤᠯᠤᠯᠳᠠ ᠶᠢ ᠲᠠᠶᠢᠴᠢᠯᠠᠨ ᠤᠷᠤᠯᠭ᠎ᠠ ᠶᠢ ᠨᠡᠮᠡᠭᠳᠡᠭᠦᠯᠥᠨ᠎ᠡ᠃ | ᠠᠵᠤ ᠥᠢᠯᠡᠰ ᠪᠤᠯᠤᠨ ᠬᠤᠳᠠ ᠪᠠᠯᠭᠠᠰᠤ ᠶᠢ ᠴᠤᠭ ᠭᠥᠭᠵᠢᠭᠦᠯᠥᠨ᠂ ᠤᠯᠵᠠᠴᠢ ᠪᠠᠯᠭᠠᠰᠤᠨ ᠳᠡᠬᠦᠷᠬᠡ ᠶᠢᠨ ᠠᠵᠤ ᠠᠬᠤᠢ ᠶᠢᠨ ᠬᠦᠭᠵᠢᠯᠳᠠ ᠶᠢ ᠲᠦᠷᠬᠡᠤᠨᠬᠡᠵᠤ᠂ | ᠱᠠᠩᠬᠠᠢ ᠶᠢᠨ ᠰᠦᠮ᠎ᠠ ᠪᠠᠯᠭᠠᠰᠤ ᠪᠢᠨ ᠾᠧ ᠰᠢᠨ᠎ᠠ ᠳᠤᠭᠤᠷᠢᠭ ᠲᠤ ᠲᠦᠰᠢᠭᠯᠡᠨ ᠠᠷᠠᠯᠵᠢᠶᠠᠨ ᠤ ᠬᠦᠭᠵᠢᠯᠳᠠ ᠪᠠᠨ ᠰᠦᠪᠡᠭᠴᠢᠯᠡᠵᠤ᠂ ᠤᠷᠤᠨᠵᠢᠬᠤ ᠬᠡᠵᠤ ᠪᠠᠶᠢᠭ᠎ᠠ | ᠨᠡᠬᠦᠷᠡᠰᠤ ᠴᠠᠬᠢᠯᠭᠠᠨ ᠬᠢᠮᠢ ᠶᠢᠨ ᠲᠦᠷᠤᠯ ᠵᠦᠢᠯ ᠳᠤ ᠲᠦᠰᠢᠭᠯᠡᠨ ᠬᠤᠳᠠ ᠪᠠᠯᠭᠠᠰᠤ ᠶᠢᠨ ᠡᠬᠢ ᠪᠡᠶᠠᠯᠢᠭ ᠢ ᠠᠮᠢᠳᠤᠯᠢᠭᠵᠢᠭᠤᠯᠵᠤ᠂ ᠠᠵᠢᠯᠯᠠᠵᠤ ᠠᠮᠢᠳᠤᠷᠠᠬᠤ ᠳᠤ | ᠵᠤᠬᠢᠷᠠᠭᠰᠡᠨ ᠬᠤᠳᠠ ᠪᠠᠯᠭᠠᠰᠤ ᠶᠢ ᠴᠤᠭᠴᠠᠯᠠᠨ᠎ᠠ᠃ | ︵ᠵᠢᠷᠭᠤᠭ᠎ᠠ︶ ᠰᠠᠭᠤᠷᠢ ᠲᠥᠭᠦᠭᠡᠷᠤᠮᠵᠢ ᠶᠢᠨ ᠠᠴᠢᠶᠠᠯᠠᠬᠤ ᠴᠢᠳᠠᠪᠤᠷᠢ ᠶᠢ ᠴᠢᠩᠭᠠᠳᠬᠠᠨ᠎ᠠ᠃ ᠨᠢᠭᠡ ᠳᠤ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ | ᠴᠢᠩᠭᠠᠳᠬᠠᠨ᠎ᠠ᠃ ᠣᠯᠣᠰ ᠠᠴᠠ ᠬᠦᠨᠳᠦ ᠴᠢᠬᠤᠯᠠ ᠰᠠᠭᠤᠷᠢ ᠲᠦᠬᠦᠭᠡᠷᠦᠮᠵᠢ ᠶᠢᠨ ᠣᠷᠣᠨ ᠪᠦᠰᠡ ᠶᠢᠨ ᠪᠡᠯᠡ ᠤᠷᠤᠭᠤᠯᠤᠯᠳᠠ ᠶᠢ ᠪᠠᠷᠠᠭᠤᠨ ᠤᠷᠤᠨ ᠳᠡᠰᠢ | ᠬᠡᠯᠪᠡᠶᠢᠯᠬᠡᠵᠤ ᠪᠠᠶᠢᠭ᠎ᠠ ᠲᠣᠬᠢᠶᠠᠯ ᠢ ᠰᠠᠶᠢᠳᠦᠷ ᠠᠳᠬᠤᠵᠣ᠂ ᠰᠢᠨ᠎ᠠ ᠪᠠᠷ PPP᠂ BOT ᠵᠡᠷᠭᠡ ᠲᠦᠷᠦᠯ ᠵᠣᠶᠢᠯ ᠳᠤ ᠪᠡᠯᠡ ᠮᠦᠩᠭᠦ ᠣᠷᠣᠭᠤᠯᠬᠤ ᠠᠷᠭ᠎ᠠ | ᠬᠡᠮᠵᠢᠶ᠎ᠠ ᠶᠢ ᠰᠢᠨᠡᠴᠢᠯᠡᠵᠤ᠂ ᠤᠯᠵᠠᠴᠢ ᠠᠴᠠ ᠳ᠋ᠥᠩ ᠳ᠋ᠤᠤ ᠯᠢᠶᠠᠩ ᠭᠥᠷᠭᠦ ᠲᠥᠷᠭᠡᠨ ᠵᠠᠮ ᠢ ᠡᠬᠢᠯᠡᠭᠦᠯᠵᠣ᠂ ᠣᠯᠵᠠᠴᠢ ᠠᠴᠠ ᠲᠣᠯᠢ ᠬᠦᠷᠬᠦ ᠨᠢᠭᠡᠳᠦᠭᠡᠷ ᠲᠡᠰ ᠤᠨ | ᠵᠠᠰᠠᠮᠠᠯ ᠵᠠᠮ ᠢ ᠰᠢᠨᠡᠳᠬᠡᠬᠦ ᠠᠵᠢᠯ ᠢ ᠰᠦᠪᠡᠭᠴᠢᠯᠡᠵᠤ᠂ S216 ᠱᠤᠭᠤᠮ ᠤᠨ ᠲᠥᠷᠭᠡᠨ ᠵᠠᠮ ᠪᠤᠯᠭᠠᠬᠤ ᠢᠨᠵᠧᠨᠧᠷᠢᠩ ᠢ ᠱᠠᠯᠠᠪᠳᠠᠭᠤᠯᠵᠤ᠂ ᠵᠡᠭᠦᠨᠰᠢ ᠪᠤᠭᠤᠳᠤ | ᠠᠴᠠ ᠭᠤᠸᠠᠩᠳᠦ᠋ᠩ ᠤᠨ ᠮᠤᠤ ᠮᠢᠩ ᠬᠦᠷᠬᠦ᠂ ᠪᠠᠷᠠᠭᠤᠨᠰᠢ ᠪᠡᠭᠡᠵᠢᠩ ᠠᠴᠠ ᠯᠾᠰᠠ ᠬᠦᠷᠬᠦ᠂ ᠡᠮᠦᠨᠡᠰᠢ ᠢᠷᠭᠠᠢ ᠠᠴᠠ ᠱᠠᠨᠳᠦ᠋ᠩ ᠤᠨ ᠴᠢᠩ ᠳ᠋ᠣᠣ ᠬᠦᠷᠭᠦ᠂ | ᠣᠮᠠᠷᠠᠰᠢ ᠱᠠᠨᠳᠦ᠋ᠩ ᠤᠨ ᠷᠥᠩ ᠴᠧᠩ ᠠᠴᠠ ᠦᠬᠠᠢ ᠬᠦᠷᠬᠦ ᠲᠦᠷᠬᠡᠨ ᠵᠠᠮ ᠳᠤ ᠨᠡᠪᠳᠡᠷᠡᠬᠦ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠪᠠᠶᠢᠭᠤᠯᠵᠣ᠂ ᠮᠠᠨ ᠤ | ᠬᠤᠰᠢᠭᠤ ᠪᠠᠨ ᠦᠪᠦᠷ ᠮᠣᠩᠭᠤᠯ ᠤᠨ ᠪᠠᠷᠠᠭᠤᠨ ᠬᠡᠰᠡᠭ ᠤᠨ ᠴᠢᠬᠤᠯᠡ ᠵᠠᠮ ᠬᠠᠷᠢᠯᠴᠠᠭᠠᠨ ᠤ ᠲᠦᠪ ᠪᠣᠯᠭᠠᠨ᠎ᠠ᠃ ᠲᠤᠯᠢ ᠠᠴᠠ ᠱᠠᠩᠬᠠᠢ ᠶᠢᠨ ᠰᠥᠮ᠎ᠡ ᠭᠥᠷᠭᠦ | ᠲᠡᠮᠤᠷ ᠵᠠᠮ ᠤᠨ ᠪᠠᠶᠢᠭᠤᠯᠣᠯᠳᠠ ᠪᠠᠨ ᠲᠦᠷᠭᠡᠳᠬᠡᠵᠣ᠂ ᠲᠤᠰ ᠵᠢᠯ ᠳᠤ 50% ᠶᠢᠨ ᠵᠠᠮ ᠤᠨ ᠰᠠᠭᠤᠷᠢ ᠶᠢ ᠲᠡᠪᠢᠰᠥᠨᠡ᠃ ᠨᠠᠶᠢᠳᠠᠮ ᠬᠡᠷᠡᠭᠯᠡᠬᠡᠨ ᠤ ᠨᠢᠰᠬᠡᠯ ᠤᠨ | ᠪᠠᠭᠤᠳᠠᠯ ᠢ ᠡᠬᠢᠯᠡᠨ ᠪᠠᠶᠢᠭᠤᠯᠤᠨ᠎ᠠ᠃ ᠬᠤᠶᠠᠷ ᠲᠤ ᠠᠮᠢ ᠠᠬᠤᠢ ᠶᠢᠨ ᠪᠠᠶᠢᠭᠤᠯᠣᠯᠳᠠ ᠶᠢᠨ ᠦᠷ᠎ᠡ ᠪᠦᠳᠦᠭᠡᠯ ᠢᠶᠠᠨ ᠬᠠᠮᠠᠭᠠᠯᠠᠨ᠎ᠠ᠃ ︽ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠤᠷᠤᠨ ᠵᠠᠢ ᠶᠢ ᠲᠡᠩᠴᠡᠭᠦᠷᠢᠰᠢᠭᠦᠯᠭᠦ᠂ ᠰᠢᠰᠲ᠋ᠧᠮ ᠲᠠᠢ ᠵᠠᠰᠠᠯᠳᠠ ᠬᠢᠭᠦ᠂ ᠬᠤᠶᠠᠷ ᠲᠠᠯ᠎ᠠ ᠶᠢ ᠴᠢᠩᠭᠠᠳᠬᠠᠬᠤ︾ ᠤᠰᠤᠨ ᠤ | ᠴᠡᠭᠴᠡᠯᠡᠯᠳᠡ ᠶᠤᠰᠤᠭᠠᠷ᠂ ᠣᠰᠣᠨ ᠤ ᠡᠬᠢ ᠰᠤᠷᠪᠤᠯᠵᠢ ᠶᠢᠨ ᠡᠷᠬᠡ ᠶᠢᠨ ᠳᠤᠳᠤᠷᠬᠠᠶᠢᠯᠠᠯᠳᠠ ᠶᠢ ᠠᠬᠢᠭᠤᠯᠵᠣ᠂ ᠡᠯ᠎ᠡ ᠪᠠᠯᠭᠠᠰᠦᠨ ᠤ ᠣᠰᠣᠨ ᠤ ᠡᠬᠢ ᠰᠤᠷᠪᠤᠯᠵᠢ | ᠶᠢᠨ ᠠᠴᠢᠶᠠᠯᠠᠬᠤ ᠴᠢᠳᠠᠪᠤᠷᠢ᠂ ᠣᠰᠣ ᠬᠡᠷᠡᠭᠯᠡᠵᠤ ᠪᠠᠶᠢᠭ᠎ᠠ ᠬᠡᠮᠵᠢᠶ᠎ᠠ᠂ ᠣᠰᠣ ᠬᠡᠷᠡᠭᠯᠡᠬᠦ ᠱᠠᠭᠠᠷᠳᠠᠯᠭ᠎ᠠ ᠲᠠᠢ ᠣᠶᠠᠯᠳᠣᠭᠤᠯᠣᠨ᠂ ᠣᠰᠣ ᠬᠡᠷᠡᠭᠯᠡᠬᠦ ᠶᠡᠷᠦᠩᠭᠡᠢ ᠬᠡᠮᠵᠢᠶ᠎ᠠ | ᠂ ᠤᠰᠤᠨ ᠤ ᠬᠡᠷᠡᠭᠯᠡᠯᠳᠠ ᠶᠢᠨ ᠦᠷ᠎ᠠ ᠠᠰᠢᠭ ᠤᠨ ᠬᠢᠵᠠᠭᠠᠷᠯᠠᠯ ᠵᠢᠭᠠᠯᠳᠠ ᠶᠢ ᠰᠢᠨᠵᠢᠯᠡᠬᠦ ᠣᠬᠠᠭᠠᠨᠴᠢ ᠪᠠᠷ ᠳᠤᠭᠳᠠᠭᠠᠵᠤ᠂ ᠶᠡᠷᠦᠩᠬᠡᠢ ᠬᠡᠮᠵᠢᠶ᠎ᠠ ᠶᠢ ᠬᠢᠵᠠᠭᠠᠷᠯᠠᠬᠤ᠂ | ᠨᠤᠷᠮᠠᠴᠢᠯᠠᠨ ᠬᠠᠮᠢᠶᠠᠷᠬᠤ᠂ ᠤᠰᠤ ᠪᠠᠷ ᠨᠡᠬᠡᠬᠡᠯᠳᠠ ᠶᠢ ᠳᠤᠭᠳᠠᠭᠠᠬᠤ ᠶᠢ ᠬᠡᠷᠡᠭᠵᠢᠬᠦᠯᠵᠤ᠂ ᠬᠦᠭᠵᠢᠯᠳᠠ ᠬᠢᠬᠡᠤᠨ ᠤᠰᠤᠨ ᠡᠬᠢ ᠰᠤᠷᠪᠤᠯᠵᠢ ᠶᠢᠨ ᠠᠴᠢᠶᠠᠯᠠᠬᠤ | ᠴᠢᠳᠡᠪᠦᠷᠢ ᠶᠢ ᠵᠤᠬᠢᠴᠠᠭᠤᠯᠤᠨ᠎ᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠱᠠᠩᠨᠠᠯ ᠢᠶᠠᠷ ᠨᠦᠬᠦᠪᠤᠷᠢᠯᠡᠬᠦ ᠲᠦᠷᠤ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠪᠠᠯᠴᠢᠷᠯᠡᠭᠦᠯᠬᠦ ᠶᠢ ᠬᠤᠷᠢᠭᠯᠠᠵᠣ ᠰᠡᠯᠭᠦᠨ ᠮᠠᠯᠵᠢᠬᠤ᠂ ᠪᠡᠯᠴᠢᠬᠡᠷ ᠤᠨ ᠪᠠᠭᠳᠠᠭᠠᠮᠵᠢ ᠪᠠᠷ ᠮᠠᠯ ᠤᠨ ᠳᠤᠭ᠎ᠠ ᠳᠤᠭᠳᠠᠭᠠᠬᠤ ᠪᠠ ᠤᠶᠤᠨᠴᠢ | ᠬᠠᠮᠢᠶᠠᠷᠣᠯᠳᠠ ᠶᠢᠨ ᠠᠷᠭ᠎ᠠ ᠶᠢ ᠴᠢᠩᠭ᠎ᠠ ᠬᠡᠷᠡᠭᠵᠢᠬᠦᠯᠵᠣ᠂ ᠰᠢᠨ᠎ᠠ ᠪᠠᠷ ᠠᠳᠠᠷ ᠬᠠᠭᠠᠯᠪᠦᠷᠢᠯᠠᠵᠣ ᠬᠤᠳᠳᠤᠭ ᠮᠠᠯᠳᠠᠬᠤ ᠶᠢ ᠡᠷᠡᠰ ᠴᠠᠭᠠᠵᠠᠯᠠᠵᠤ᠂ ᠠᠮᠢ ᠠᠬᠤᠢ ᠶᠢᠨ | ᠲᠡᠩᠴᠡᠭᠦᠷᠢ ᠶᠢ ᠡᠷᠡᠰ ᠪᠠᠳᠤᠯᠠᠨ᠎ᠠ᠃ ᠪᠦᠬᠦ ᠬᠤᠰᠢᠭᠤ ᠢᠶᠠᠷ ᠢᠶᠠᠨ ᠠᠮᠢ ᠠᠬᠤᠢ ᠶᠢᠨ ᠪᠠᠶᠢᠭᠤᠯᠤᠯᠳᠠ ᠳᠤ ᠣᠷᠣᠯᠴᠠᠬᠤ ᠢᠳᠡᠪᠬᠢᠳᠤ ᠴᠢᠨᠠᠷ ᠢ ᠲᠠᠶᠢᠴᠢᠯᠠᠨ᠂ ᠪᠦᠬᠦ | ᠠᠷᠠᠤᠨ ᠤᠨ ᠠᠯᠪᠠᠨ ᠵᠢᠷᠤᠮ ᠤᠨ ᠮᠤᠳᠤ ᠳᠠᠷᠢᠬᠤ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠤᠨ ᠦᠷᠨᠢᠬᠦᠯᠵᠤ᠂ ᠮᠠᠯᠵᠢᠬᠤ ᠳᠠᠷᠢᠶᠠᠯᠠᠬᠤ ᠤᠷᠤᠨ ᠤ ︽ᠡᠷᠤᠬᠡ | ᠪᠤᠯᠭᠠᠨ ᠵᠠᠭᠤᠨ ᠮᠤᠳᠤ ᠳᠠᠷᠢᠬᠤ︾ ᠢᠨᠵᠧᠨᠧᠷᠢᠩ ᠢ ᠪᠠᠳᠤᠳᠠᠢ ᠠᠬᠢᠭᠤᠯᠵᠤ᠂ ᠪᠡᠭᠡᠵᠢᠭ ᠲᠢᠶᠠᠨᠵᠢᠨ ᠤ ᠰᠠᠯᠬᠢ ᠰᠢᠷᠣᠢ ᠶᠢᠨ ᠡᠬᠢ ᠶᠢ ᠵᠠᠰᠠᠬᠤ᠂ ᠬᠦᠷᠦᠰᠦ ᠰᠢᠷᠣᠢ | ᠶᠢ ᠬᠠᠮᠠᠭᠠᠯᠠᠬᠤ ᠵᠡᠷᠭᠡ ᠭᠤᠣᠯᠳᠠᠯᠭᠠᠳᠦ ᠠᠮᠢ ᠠᠬᠤᠢ ᠶᠢᠨ ᠲᠦᠷᠦᠯ ᠵᠣᠶᠢᠯ ᠢ ᠬᠢᠨᠠᠮᠠᠭᠠᠢ ᠬᠡᠷᠡᠭᠵᠢᠬᠦᠯᠵᠣ᠂ ᠬᠦᠮᠦᠨ ᠤ ᠬᠦᠴᠦ ᠪᠠᠷ 12 ᠲᠦᠮᠡᠨ ᠮᠣ᠋ | ᠣᠶᠢᠵᠢᠭᠤᠯᠵᠣ᠂ 5.9 ᠲᠦᠮᠡᠨ ᠮᠣ᠋ ᠬᠦᠷᠦᠰᠦ ᠰᠢᠷᠦᠢ ᠶᠢ ᠬᠠᠮᠠᠭᠠᠯᠠᠨ ᠵᠠᠰᠠᠵᠣ᠂ ᠠᠶᠢᠯ ᠳᠤᠰᠬᠤᠨ ᠤ 4 ᠲᠦᠮᠡᠨ ᠮᠣ᠋ ᠨᠤᠭᠤᠵᠢᠭᠤᠯᠤᠯᠳᠠ ᠶᠢ ᠪᠡᠶᠡᠯᠡᠬᠦᠯᠤᠨ᠎ᠠ᠃ | ︵ᠲᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠳᠠ ᠪᠠᠨ ᠴᠢᠩᠭᠠᠳᠬᠠᠨ᠎ᠠ᠃ ᠨᠢᠭᠡ ᠳᠤ᠂ ᠬᠠᠣᠯᠢ ᠪᠠᠷ ᠵᠠᠰᠠᠬᠤ ᠣᠬᠠᠮᠰᠠᠷ ᠢ ᠪᠣᠢ | ᠪᠣᠯᠭᠠᠨ᠎ᠠ᠃ ᠨᠠᠮ ᠤᠨ ᠠᠷᠪᠠᠨ ᠨᠠᠢᠮᠳᠦᠭᠠᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠣ᠂ | ᠬᠠᠣᠯᠢ ᠶᠣᠰᠣᠨ ᠤ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠪᠡᠶᠡᠯᠡᠭᠦᠯᠵᠣ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠴᠤᠭᠴᠠᠯᠠᠵᠤ᠂ ᠬᠠᠣᠯᠢ ᠪᠠᠷ ᠬᠤᠰᠢᠭᠤ | ᠪᠠᠨ ᠵᠠᠰᠠᠬᠤ ᠶᠢ ᠠᠬᠢᠭᠤᠯᠣᠨ᠎ᠠ᠃ ᠤᠳᠤᠷᠢᠤᠨᠬᠤ ᠺᠠᠳ᠋ᠷ ᠳᠤᠯᠤᠭᠠᠶᠢᠯᠠᠨ ᠬᠠᠤᠯᠢ ᠰᠤᠷᠴᠤ ᠬᠡᠷᠡᠭᠯᠡᠨ ᠬᠠᠤᠯᠢ ᠪᠠᠷ ᠵᠠᠰᠠᠬᠤ ᠦᠵᠡᠯᠳᠠ ᠪᠠᠨ ᠳᠡᠬᠡᠭᠰᠢᠯᠡᠬᠦᠯᠤᠨ᠎ᠠ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ᠂ ᠲᠣᠭᠳᠠᠭᠠᠯ ᠢ ᠡᠷᠡᠰ ᠬᠡᠷᠡᠭᠵᠢᠭᠦᠯᠵᠣ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠶᠤᠰᠤᠨ ᠤ ᠬᠢᠨᠠᠯᠳᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠡᠯ | ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠎ᠠ᠃ ᠣᠯᠠᠨ ᠨᠡᠶᠢᠳ᠋ᠨ ᠪᠠᠷ ᠣᠷᠣᠯᠴᠠᠬᠤ᠂ ᠲᠣᠰᠬᠠᠢ ᠮᠡᠷᠭᠡᠵᠢᠯᠳᠠᠨ ᠠᠴᠠ ᠨᠤᠳᠠᠯᠠᠬᠤ᠂ ᠲᠦᠭᠰᠢᠬᠦᠷᠢ ᠶᠢ ᠦᠨᠡᠯᠡᠬᠦ | ᠂ ᠬᠠᠣᠯᠢ ᠤᠨ ᠵᠦᠪᠯᠡᠭᠴᠢ ᠠᠴᠠ ᠬᠠᠣᠯᠢ ᠳᠤ ᠨᠠᠶᠢᠴᠡᠬᠦ ᠡᠰᠡᠬᠦ ᠶᠢ ᠬᠢᠨᠠᠬᠤ᠂ ᠬᠠᠮᠳᠦ ᠪᠠᠷ ᠶᠠᠷᠢᠯᠴᠠᠨ ᠳᠤᠭᠳᠠᠭᠠᠬᠤ ᠵᠡᠷᠭᠡ ᠵᠣᠬᠢᠴᠠᠮᠵᠢ ᠶᠢ ᠲᠡᠭᠦᠯᠳᠡᠷᠵᠢᠭᠦᠯᠵᠣ᠂ | ᠵᠠᠰᠠᠭ ᠵᠠᠬᠢᠷᠭᠠᠨ ᠤ ᠰᠢᠢᠤᠨᠪᠤᠷᠢ ᠳᠤᠭᠳᠠᠭᠠᠬᠤ ᠲᠦᠪᠰᠢᠨ ᠢ ᠲᠡᠭᠡᠭᠰᠢᠯᠡᠭᠦᠯᠦᠨ᠎ᠠ᠃ ᠬᠠᠣᠯᠢ ᠬᠡᠷᠡᠭᠵᠢᠬᠦᠯᠤᠯᠳᠠ ᠶᠢ ᠴᠡᠭᠴᠡᠵᠢᠬᠦᠯᠵᠤ᠂ ᠬᠠᠤᠯᠢ ᠬᠡᠷᠡᠭᠵᠢᠬᠦᠯᠬᠦ | ᠳᠠᠪᠬᠤᠷᠭ᠎ᠠ ᠳᠡᠰ ᠢ ᠴᠦᠬᠡᠤᠨᠬᠡᠵᠤ᠂ ᠶᠡᠷᠤᠩᠬᠡᠶᠢᠯᠡᠭᠰᠡᠨ ᠬᠠᠣᠯᠢ ᠬᠡᠷᠡᠭᠵᠢᠬᠦᠯᠤᠯᠳᠠ ᠶᠢ ᠠᠬᠢᠭᠤᠯᠤᠨ᠂ ᠣᠯᠠᠨ ᠳᠠᠯ᠎ᠠ ᠤᠯᠠᠨ ᠳᠡᠪᠬᠤᠷᠭ᠎ᠠ ᠪᠠᠷ ᠬᠠᠣᠯᠢ | ᠬᠡᠷᠡᠭᠵᠢᠭᠦᠯᠬᠦ ᠠᠰᠠᠭᠤᠳᠠᠯ ᠢ ᠰᠢᠢᠤᠨᠪᠤᠷᠢᠯᠡᠨᠠ᠃ ᠬᠠᠣᠯᠢ ᠬᠡᠷᠡᠭᠵᠢᠬᠦᠯᠤᠯᠳᠠ ᠶᠢᠨ ᠪᠣᠯᠪᠠᠰᠦᠷᠠᠯ ᠪᠠ ᠬᠠᠮᠢᠶᠠᠷᠦᠯᠳᠠ ᠪᠠᠨ ᠴᠢᠩᠭᠠᠳᠬᠠᠵᠣ᠂ ᠬᠠᠣᠯᠢ ᠬᠡᠷᠡᠭᠵᠢᠭᠦᠯᠬᠦ | ᠪᠦᠬᠦ ᠶᠠᠪᠣᠴᠠ ᠶᠢ ᠲᠡᠮᠳᠡᠭᠯᠡᠬᠦ ᠲᠦᠷᠢᠮ ᠲᠣᠭᠳᠠᠭᠠᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ | ᠠᠯᠪᠠᠳᠠᠯᠭ᠎ᠠ᠂ ᠵᠠᠰᠠᠭ ᠵᠠᠬᠢᠷᠭᠠᠨ ᠤ ᠪᠠᠶᠢᠴᠠᠭᠠᠯᠳᠠ ᠵᠡᠷᠭᠡ ᠲᠡᠰ ᠳᠠᠷᠠᠭᠠᠯᠠᠯ ᠢ ᠲᠦᠷᠢᠮᠵᠢᠬᠦᠯᠤᠨ᠎ᠠ᠃ ᠮᠠᠯᠴᠢᠨ ᠲᠠᠷᠢᠶᠠᠴᠢᠨ ᠤ ᠬᠠᠣᠯᠢ ᠶᠣᠰᠣᠨ ᠤ ᠱᠠᠭᠠᠷᠳᠠᠯᠭ᠎ᠠ | ᠶᠢᠨ ᠵᠠᠮ ᠮᠦᠷ ᠢ ᠰᠢᠯᠤᠭᠤᠤᠨᠬᠠᠵᠤ᠂ ᠠᠷᠠᠳ ᠣᠯᠠᠨ ᠤ ᠬᠠᠣᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃《 ᠵᠢᠷᠭᠤᠭ᠎ᠠ ᠲᠠᠪᠤ︾ ᠬᠠᠣᠯᠢ | ᠲᠦᠬᠡᠮᠡᠯᠵᠢᠬᠦᠯᠤᠯᠳᠠ ᠶᠢ ᠠᠬᠢᠭᠤᠯᠵᠤ᠂ ᠬᠠᠣᠯᠢ ᠲᠦᠷᠢᠮ ᠤᠨ ᠣᠬᠠᠭᠤᠯᠭ᠎ᠠ ᠬᠦᠮᠦᠵᠢᠯ ᠢ ᠴᠢᠩᠭᠠᠳᠬᠠᠵᠣ᠂ ᠪᠦᠬᠦ ᠠᠷᠠᠳ ᠤᠨ ᠬᠠᠣᠯᠢ ᠶᠢᠨ ᠣᠬᠠᠮᠰᠠᠷ ᠢ | ᠲᠡᠭᠡᠭᠰᠢᠯᠡᠬᠦᠯᠵᠣ᠂ ᠭᠠᠵᠠᠷ ᠤᠷᠤᠨ ᠤ ᠬᠠᠤᠯᠢ ᠪᠠᠷ ᠵᠠᠰᠠᠬᠤ ᠤᠷᠴᠢᠨ ᠢ ᠰᠠᠶᠢᠵᠢᠷᠠᠭᠤᠯᠣᠨ᠎ᠠ ᠃ ᠬᠤᠶᠠᠷ ᠲᠤ᠂ ᠰᠢᠨᠡᠴᠢᠯᠡᠯᠡᠳᠠ ᠶᠢᠨ ᠣᠬᠠᠮᠰᠠᠷ ᠢ ᠪᠣᠢ ᠪᠣᠯᠭᠠᠨ᠎ᠠ᠃ | ᠲᠦᠪ ᠵᠢᠴᠢ ᠦᠪᠡᠷᠳᠡᠭᠡᠨ ᠵᠠᠰᠠᠬᠤ ᠣᠷᠣᠨ᠂ ᠬᠤᠳᠠ ᠬᠤᠰᠢᠭᠤᠨ ᠤ ᠦᠬᠡᠷᠡᠴᠢᠯᠠᠯᠳᠠ ᠢ ᠪᠦᠬᠦ ᠳᠠᠯ᠎ᠠ ᠪᠠᠷ ᠬᠦᠯᠢᠶᠡᠨ ᠠᠪᠣᠨ᠎ᠠ᠃ ᠰᠦᠯᠵᠢᠶᠡᠨ ᠲᠡᠭᠡᠷ᠎ᠡ ᠬᠢᠨᠠᠨ | ᠴᠣᠬᠤᠯᠠᠪᠦᠷᠢᠯᠠᠬᠤ᠂ ᠬᠠᠮᠳᠤᠷᠠᠭᠤᠯᠤᠨ ᠬᠢᠨᠠᠨ ᠴᠣᠬᠤᠯᠠᠪᠦᠷᠢᠯᠠᠬᠤ ᠪᠣᠯᠣᠨ《 ᠭᠤᠷᠪᠠᠨ ᠭᠠᠷᠳᠠᠮ 》 ᠤᠨ ᠬᠠᠮᠢᠶᠠᠷᠣᠯᠳᠠ ᠶᠢᠨ ᠠᠷᠭ᠎ᠠ ᠶᠢ ᠯᠠᠪᠳᠠᠭᠤᠨ ᠠᠬᠢᠭᠤᠯᠵᠣ | ᠂ ᠲᠣᠰ ᠵᠢᠯ ᠳᠤ ᠵᠠᠰᠠᠭ ᠵᠠᠬᠢᠷᠭᠠᠨ ᠤ ᠬᠢᠨᠠᠨ ᠴᠣᠬᠤᠯᠠᠪᠦᠷᠢᠯᠠᠬᠤ ᠵᠣᠶᠢᠯᠠᠰ ᠢ ᠪᠦᠬᠦᠨ ᠢ ᠵᠠᠰᠠᠭ ᠤᠨ ᠶᠠᠪᠣᠳᠠᠯ ᠤᠨ ᠣᠶᠢᠯᠠᠴᠢᠯᠡᠭᠡᠨ ᠤ ᠲᠢᠩᠬᠢᠮ ᠳᠤ | ᠣᠷᠣᠭᠤᠯᠣᠨ᠎ᠠ᠃ ᠨᠢᠭᠡᠨᠳᠠ ᠲᠣᠭᠳᠠᠭᠠᠭᠰᠠᠨ ᠠᠷᠠᠳ ᠢ ᠬᠠᠷᠭᠠᠯᠵᠠᠬᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠬᠠᠣᠯᠢ ᠶᠣᠰᠣᠭᠠᠷ ᠡᠮᠬᠢᠯᠡᠵᠤ᠂ ᠨᠢᠭᠡ | ᠪᠦᠯᠦᠭ ᠳᠤᠬᠢᠷᠠᠮᠵᠢ ᠦᠬᠡᠢ ᠲᠦᠷᠦ ᠶᠢᠨ ᠪᠣᠳᠣᠯᠭ᠎ᠠ ᠶᠢ ᠦᠬᠡᠶᠢᠰᠬᠡᠨᠠ᠃ ᠬᠤᠳᠠ ᠬᠦᠳᠡᠭᠡ ᠶᠢ ᠨᠢᠭᠡᠳᠦᠯᠳᠠᠢ ᠲᠦᠯᠤᠪᠵᠢᠬᠦᠯᠬᠦ ᠲᠣᠷᠰᠢᠯᠳᠠ ᠶᠢᠨ ᠴᠡᠭ ᠤᠨ | ᠪᠠᠶᠢᠭᠤᠯᠣᠯᠳᠠ ᠶᠢᠨ ᠦᠷ᠎ᠡ ᠪᠦᠳᠤᠮᠵᠢ ᠢ ᠪᠦᠬᠦ ᠲᠠᠯ᠎ᠠ ᠪᠠᠷ ᠳ᠋ᠦᠩᠨᠡᠵᠣ᠂ ᠣᠰᠣᠨ ᠤ ᠡᠬᠢ ᠰᠤᠷᠪᠤᠯᠵᠢ ᠶᠢᠨ ᠲᠡᠩᠴᠡᠭᠦᠷᠢᠰᠢᠯᠳᠦ ᠬᠠᠮᠢᠶᠠᠷᠣᠯᠳᠠ᠂ ᠠᠮᠢ ᠠᠬᠤᠢ | ᠶᠢᠨ ᠰᠡᠷᠭᠦᠭᠡᠯᠳᠠ ᠶᠢᠨ ᠣᠷᠣᠨ ᠤ ᠨᠣᠳᠤᠭ ᠪᠡᠯᠴᠢᠭᠡᠷ ᠢ ᠲᠠᠬᠢᠨ ᠠᠰᠢᠭᠯᠠᠬᠤ ᠦᠭᠡᠷᠡᠴᠢᠯᠠᠯᠳᠠ ᠶᠢᠨ ᠠᠬᠢᠴᠠ ᠶᠢ ᠲᠦᠷᠭᠡᠳᠬᠡᠵᠣ᠂ ᠰᠢᠨᠡᠴᠢᠯᠡᠯᠳᠠ ᠶᠢ | ᠤᠷᠮᠠᠰᠢᠭᠤᠯᠵᠤ ᠴᠢᠭᠴᠢ ᠬᠦᠴᠤᠨ ᠢ ᠬᠦᠭᠵᠢᠬᠡᠨ᠎ᠠ᠃ ᠰᠣᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠮᠠᠯ ᠲᠠᠷᠢᠶᠠᠯᠠᠩ ᠵᠡᠷᠭᠡ ᠠᠵᠢᠯ ᠲᠦᠷᠤᠯ ᠳᠤ ᠳᠤᠳᠠᠭᠳᠠᠵᠤ | ᠪᠠᠶᠢᠭ᠎ᠠ ᠲᠡᠭᠡᠳᠦ ᠲᠡᠰ ᠤᠨ ᠴᠢᠳᠠᠪᠦᠷᠢᠳᠠᠨ ᠢ ᠤᠷᠢᠨ ᠠᠪᠴᠢᠷᠠᠬᠤ ᠵᠠᠮ ᠮᠦᠷ ᠢ ᠰᠢᠯᠤᠭᠤᠤᠨᠬᠠᠵᠤ᠂《 ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ︾ ᠢ ᠢᠳᠡᠪᠬᠢᠳᠠᠢ ᠬᠦᠮᠦᠵᠢᠭᠦᠯᠵᠣ᠂ ᠠᠵᠣ ᠠᠬᠤᠢ ᠶᠢᠨ ᠭᠦᠭᠵᠢᠯᠳᠠ ᠳᠤ ᠴᠢᠳᠠᠪᠦᠷᠢᠳᠠᠨ ᠤ ᠪᠠᠳᠤᠯᠠᠭ᠎ᠠ ᠬᠠᠩᠭᠠᠨ᠎ᠠ︔ ᠠᠯᠠᠰᠢᠨ ᠮᠠᠯ ᠤᠨ ᠭᠤᠷᠪᠠᠨ | ᠡᠰᠢᠳᠦ ᠡᠷᠯᠢᠰᠵᠢᠭᠦᠯᠭᠡ᠂ ᠨᠤᠤᠯᠤᠭᠤᠷ ᠨᠡᠮᠡᠭᠳᠡᠭᠦᠯᠬᠦ ᠵᠡᠷᠬᠡ ᠬᠡᠷᠡᠭᠯᠡᠭᠡᠨ ᠤ ᠮᠡᠷᠭᠡᠵᠢᠯ ᠢ ᠪᠦᠬᠦ ᠲᠠᠯ᠎ᠠ ᠪᠠᠷ ᠳᠡᠯᠬᠡᠷᠡᠬᠦᠯᠵᠤ᠂ ᠰᠢᠨᠵᠢᠯᠡᠭᠡ ᠮᠡᠷᠬᠡᠵᠢᠯ ᠤᠨ | ᠣᠶᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠤᠨᠬᠠᠵᠤ᠂ ᠲᠠᠷᠢᠬᠤ᠂ ᠲᠡᠵᠢᠭᠡᠬᠦ᠂ ᠪᠣᠯᠪᠠᠰᠦᠷᠠᠭᠤᠯᠬᠤ᠂ ᠪᠣᠷᠣᠯᠠᠭᠤᠯᠠᠬᠤ ᠪᠦᠬᠦ ᠶᠠᠪᠣᠴᠠ ᠳᠤ | ᠤᠶᠢᠯᠡᠴᠢᠯᠡᠬᠦᠯᠵᠤ᠂ ᠮᠠᠯᠴᠢᠨ ᠲᠠᠷᠢᠶᠠᠴᠢᠨ ᠳᠤ ᠰᠢᠨᠵᠢᠯᠡᠭᠡ ᠮᠡᠷᠭᠡᠵᠢᠯ ᠤᠨ ᠣᠶᠢᠯᠠᠴᠢᠯᠡᠭᠡ ᠬᠠᠨᠩᠭᠠᠬᠤ《 ᠡᠴᠦᠰ ᠤᠨ ᠠᠯᠬᠤᠮ 》 ᠤᠨ ᠠᠰᠠᠭᠤᠳᠠᠯ ᠢ | ᠰᠢᠢᠤᠨᠪᠤᠷᠢᠯᠡᠨᠠ᠃ ᠪᠦᠬᠦ ᠬᠤᠳᠠ ᠶᠢᠨ ᠲᠣᠮᠳᠠ ᠪᠠᠭ᠎ᠠ ᠵᠢᠵᠢᠭ ᠠᠵᠣ ᠠᠬᠤᠶᠢᠯᠡᠯ ᠤᠨ ᠬᠦᠭᠵᠢᠯᠳᠠ ᠶᠢ ᠳᠡᠮᠵᠢᠬᠦ ᠬᠡᠷᠡᠭᠵᠢᠭᠦᠯᠬᠦ ᠰᠠᠨᠠᠯ ᠢ ᠰᠠᠶᠢᠳᠦᠷ | ᠨᠠᠶᠢᠳᠡᠪᠦᠷᠢᠵᠢᠭᠤᠯᠵᠣ᠂ ᠡᠳ᠋ ᠤᠨ ᠵᠠᠰᠠᠭ ᠤᠨ ᠳᠡᠮᠵᠢᠯᠬᠡ᠂ ᠰᠠᠭᠤᠷᠢ ᠮᠦᠩᠭᠦᠨ ᠤ ᠵᠢᠯᠣᠭᠤᠳᠣᠯᠭ᠎ᠠ᠂ ᠮᠦᠩᠭᠦᠨ ᠭᠦᠢᠯᠭᠡᠭᠡᠨ ᠤ ᠬᠠᠪᠰᠦᠷᠣᠯᠭᠠ ᠵᠡᠷᠭᠡ ᠲᠦᠷᠦ ᠶᠢᠨ | ᠪᠣᠳᠣᠯᠭ᠎ᠠ ᠶᠢᠨ ᠠᠷᠭ᠎ᠠ ᠠᠪᠴᠠᠯ ᠢ ᠠᠮᠢᠳᠤᠯᠢᠭ ᠬᠦᠢᠴᠡᠤᠨ ᠬᠡᠷᠡᠭᠵᠢᠬᠦᠯᠵᠤ᠂ ᠲᠦᠷᠤᠯ ᠵᠦᠢᠯ ᠢ ᠨᠢᠬᠡᠳᠤᠯᠳᠠᠢ ᠲᠦᠯᠤᠪᠯᠡᠵᠤ᠂ ᠬᠦᠷᠢᠶᠡᠯᠠᠩ ᠲᠣᠭᠤᠷᠢᠭ ᠢ | ᠨᠢᠬᠡᠳᠤᠯᠳᠠᠢ ᠪᠠᠶᠢᠭᠤᠯᠣᠨ᠂ ᠤᠷᠤᠨ ᠨᠤᠳᠤᠭ ᠤᠨ ᠨᠢᠭᠡ ᠪᠦᠯᠦᠭ ᠲᠣᠮᠳᠠ ᠪᠠᠭ᠎ᠠ ᠵᠢᠵᠢᠭ ᠠᠵᠣ ᠠᠬᠤᠶᠢᠯᠡᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠮᠠᠨ ᠤ | ᠬᠤᠰᠢᠭᠤᠨ ᠤ ᠨᠡᠶᠢᠳᠡ ᠶᠢᠨ ᠪᠣᠰᠣ ᠦᠮᠴᠢᠯᠠᠯᠳᠤ ᠠᠵᠣ ᠠᠬᠤᠢ ᠶᠢᠨ ᠬᠦᠭᠵᠢᠯᠳᠠ ᠵᠡᠷᠭᠡ ᠡᠯ᠎ᠡ ᠲᠦᠷᠦᠯ ᠤᠨ ᠵᠠᠬ᠎ᠠ ᠲᠡᠯᠭᠡᠭᠦᠷ ᠤᠨ ᠭᠤᠣᠯ ᠴᠤᠭᠴᠠ ᠶᠢᠨ | ᠬᠦᠭᠵᠢᠯᠳᠠ ᠶᠢ ᠠᠮᠢᠳᠤᠯᠢᠭᠵᠢᠭᠤᠯᠤᠨ᠎ᠠ᠃ ᠵᠠᠰᠠᠭ ᠤᠨ ᠤᠷᠳᠤᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠳᠠ ᠪᠠ ᠪᠠᠶᠢᠭᠤᠯᠤᠮᠵᠢ ᠶᠢᠨ ᠥᠭᠡᠷᠡᠴᠢᠯᠠᠯᠳᠠ ᠶᠢ | ᠠᠬᠢᠭᠤᠯᠵᠤ᠂ 3 ᠳ᠋ᠣᠭᠠᠷ ᠰᠠᠷ᠎ᠠ ᠶᠢᠨ ᠡᠴᠤᠰ ᠠᠴᠠ ᠡᠮᠤᠨ᠎ᠠ ᠦᠭᠡᠷᠡᠴᠢᠯᠡᠯᠡᠳᠠ ᠶᠢᠨ ᠡᠭᠦᠷᠭᠡ ᠪᠠᠨ ᠪᠡᠶᠡᠯᠡᠬᠦᠯᠤᠨ᠎ᠠ᠃ ᠭᠤᠷᠪᠠ ᠳᠤ᠂ ᠬᠠᠷᠢᠭᠤᠴᠠᠯᠭ᠎ᠠ ᠶᠢᠨ | ᠣᠬᠠᠮᠰᠠᠷ ᠢ ᠪᠣᠢ ᠪᠣᠯᠭᠠᠨ᠎ᠠ᠃ ᠠᠰᠠᠭᠤᠳᠠᠯ ᠳᠤ ᠴᠢᠭᠯᠡᠬᠦᠯᠬᠦ ᠶᠢ ᠪᠠᠷᠢᠮᠳᠠᠯᠡᠵᠣ᠂《 ᠨᠠᠮ ᠵᠠᠰᠠᠭ ᠬᠠᠷᠢᠭᠤᠴᠠᠯᠭ᠎ᠠ ᠠᠳᠠᠯᠢ᠂ ᠨᠢᠭᠡ ᠪᠠᠶᠢᠷᠢ ᠬᠤᠣᠰ ᠬᠠᠷᠢᠭᠤᠴᠠᠯᠭ᠎ᠠ | 》 ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ᠲᠣᠰᠬᠠᠢ ᠮᠡᠷᠭᠡᠵᠢᠯᠳᠠᠨ ᠬᠠᠮᠳᠤᠷᠠᠨ ᠤᠨᠤᠰᠢᠯᠠᠬᠤ ᠲᠦᠷᠢᠮ ᠤᠨ ᠤᠶᠢᠯᠡᠳᠤᠯ ᠢ ᠪᠠᠳᠠᠷᠠᠭᠤᠯᠵᠣ᠂ ᠬᠦᠨᠳᠦ | ᠨᠤᠴᠢᠳᠠᠢ ᠠᠳᠡᠭᠳᠡᠯ ᠡᠬᠦᠰᠬᠦ ᠶᠢ ᠡᠷᠴᠢᠮᠳᠠᠢ ᠬᠢᠵᠠᠭᠠᠷᠯᠠᠨ᠎ᠠ᠃ ᠣᠳᠣᠷᠢᠳᠣᠯᠭ᠎ᠠ ᠵᠠᠬᠢᠳᠠᠯ ᠰᠣᠷᠪᠣᠯᠵᠢᠯᠠᠭ᠎ᠠ ᠬᠦᠯᠢᠶᠡᠬᠦ᠂ ᠬᠡᠷᠡᠭ ᠲᠠᠭᠠᠭᠠᠴᠢᠯᠡᠨ ᠲᠣᠷᠣᠭᠰᠢ ᠪᠠᠭᠤᠵᠤ | ᠰᠤᠷᠪᠤᠯᠵᠢᠯᠠᠬᠤ᠂ ᠭᠤᠷᠪᠠ ᠱᠠᠳᠣᠯᠠᠨ ᠲᠠᠭᠤᠰᠬᠠᠬᠤ ᠲᠦᠷᠢᠮ ᠢ ᠴᠢᠩᠭ᠎ᠠ ᠬᠡᠷᠡᠭᠵᠢᠭᠦᠯᠵᠣ᠂ ᠲᠣᠭᠳᠠᠭᠰᠠᠨ ᠬᠤᠭᠤᠴᠠᠭ᠎ᠠ ᠲᠠᠢ ᠵᠠᠳᠠᠯᠣᠯᠳᠠ ᠬᠢᠵᠣ᠂ ᠲᠣᠭᠳᠠᠭᠰᠠᠨ | ᠬᠤᠭᠤᠴᠠᠭ᠎ᠠ ᠲᠠᠢ ᠰᠣᠳᠣᠯᠣᠨ ᠮᠠᠭᠠᠳᠯᠠᠵᠣ᠂ ᠵᠠᠬᠢᠳᠠᠯ ᠰᠣᠷᠪᠣᠯᠵᠢᠯᠠᠭ᠎ᠠ ᠶᠢᠨ ᠬᠤᠷᠠᠮᠳᠤᠯ᠂ ᠨᠡᠮᠡᠭᠳᠡᠯ ᠢ ᠬᠢᠵᠠᠭᠠᠷᠯᠠᠨ᠎ᠠ᠃ ᠢᠳᠡᠭᠡᠨ ᠤ ᠠᠮᠣᠷ ᠲᠦᠪᠰᠢᠨ ᠤ | ᠬᠢᠨᠠᠯᠳᠠ ᠬᠠᠮᠢᠶᠠᠷᠣᠯᠳᠠ ᠶᠢ ᠦᠨᠡᠨᠬᠦ ᠴᠢᠩᠭᠠᠳᠬᠠᠵᠣ᠂ ᠢᠳᠡᠭᠡᠨ ᠡᠮ ᠤᠨ ᠵᠦᠢᠯᠡᠰ᠂ ᠠᠵᠣ ᠣᠶᠢᠯᠠᠳᠪᠦᠷᠢ ᠬᠤᠳᠠᠯᠳᠤᠭ᠎ᠠ᠂ ᠶᠠᠰᠤ ᠴᠢᠨᠠᠷ ᠮᠡᠷᠬᠡᠵᠢᠯ ᠤᠨ ᠬᠢᠨᠠᠯᠳᠠ | ᠶᠢᠨ 《 ᠭᠤᠷᠮᠣᠰᠣᠨ︾ ᠤᠶᠢᠯᠡᠳᠤᠯ ᠢ ᠭᠦᠢᠴᠡᠳ ᠪᠠᠳᠠᠷᠠᠭᠤᠯᠵᠣ᠂ ᠬᠢᠨᠠᠯᠳᠠ ᠬᠠᠮᠢᠶᠠᠷᠣᠯᠳᠠ᠂ ᠱᠠᠭᠠᠷᠳᠠᠨ ᠪᠠᠶᠢᠴᠠᠭᠠᠯᠳᠠ ᠪᠠᠨ ᠴᠢᠩᠭᠠᠳᠬᠠᠵᠣ᠂ ᠬᠠᠤᠯᠢ ᠶᠢ | ᠵᠦᠷᠢᠴᠡᠭᠰᠡᠨ ᠬᠡᠷᠡᠭ ᠢ ᠴᠢᠩᠭ᠎ᠠ ᠰᠢᠳᠬᠡᠵᠣ᠂ ᠠᠷᠠᠳ ᠣᠯᠠᠨ ᠤ ᠠᠮᠣᠷ ᠲᠦᠪᠰᠢᠨ ᠢ ᠪᠠᠳᠣᠯᠠᠨ᠎ᠠ᠃ ᠠᠮᠤᠷ ᠳᠤᠭᠳᠠᠭᠤᠨ ᠢ ᠬᠠᠮᠠᠭᠠᠯᠠᠬᠤ ᠪᠡᠶᠡᠳᠤ ᠬᠢᠨᠠᠨ ᠡᠵᠡᠮᠰᠢᠯ | ᠤᠨ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠠᠵᠣ᠂ ᠬᠠᠤᠯᠢ ᠶᠢ ᠵᠦᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ | ᠰᠦᠯᠵᠢᠶᠡᠨ ᠳᠡᠬᠡᠷᠡᠬᠢ ᠶᠡᠷᠢᠶ᠎ᠠ ᠬᠡᠯᠡᠯᠴᠡᠬᠡᠨ ᠤ ᠪᠠᠶᠢᠳᠠᠯ ᠢ ᠴᠢᠩᠭ᠎ᠠ ᠬᠢᠨᠡᠨ ᠡᠵᠡᠮᠳᠡᠵᠤ᠂ ᠲᠦᠷᠦᠯ ᠵᠣᠶᠢᠯ ᠤᠨ ᠪᠠᠶᠢᠭᠤᠯᠣᠯᠳᠠ ᠶᠢᠨ ᠤᠷᠤᠨ ᠤ ᠨᠡᠭᠦᠳᠠᠯ ᠬᠦᠮᠦᠨ | ᠠᠮᠠ ᠶᠢᠨ ᠬᠢᠨᠠᠯᠳᠠ ᠬᠠᠮᠢᠶᠠᠷᠣᠯᠳᠠ ᠶᠢ ᠭᠤᠤᠯᠳᠠᠯᠭᠠᠳᠠᠢ ᠴᠢᠩᠭᠠᠳᠬᠠᠵᠣ᠂《 ᠠᠮᠤᠷ ᠠᠮᠤᠭᠤᠯᠠᠩ ᠣᠳᠤᠭ ᠤᠨ ᠡᠮᠦᠨᠡᠳᠦ ᠬᠤᠰᠢᠭᠤ 》 ᠶᠢ ᠪᠦᠬᠦ ᠬᠦᠴᠤᠨ ᠢᠶᠠᠷ | ᠴᠤᠭᠴᠠᠯᠠᠨ᠎ᠠ᠃ ᠰᠢᠨ᠎ᠠ ︽ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠠᠤᠯᠢ︾ ᠶᠢ ᠡᠷᠡᠰ ᠴᠢᠩᠭ᠎ᠠ ᠬᠡᠷᠡᠭᠵᠢᠬᠦᠯᠵᠤ᠂ ᠰᠢᠳᠠᠮᠠᠬᠠᠢ ᠬᠡᠢ᠂ ᠨᠡᠬᠦᠷᠡᠰᠤᠨ ᠠᠭᠤᠷᠬᠠᠢ | ᠵᠡᠷᠬᠡ ᠭᠤᠤᠯᠳᠠᠯᠭᠠᠳᠤ ᠬᠦᠷᠢᠶ᠎ᠡ ᠬᠡᠪᠴᠢᠶ᠎ᠡ᠂ ᠭᠤᠤᠯᠳᠠᠯᠭᠠᠳᠤ ᠠᠵᠢᠯ ᠲᠦᠷᠤᠯ ᠤᠨ ᠤᠷᠴᠢᠨ ᠳᠤᠭᠤᠷᠢᠨ ᠤ ᠪᠤᠬᠢᠷᠳᠤᠭᠤᠯᠤᠯ ᠢ ᠪᠠᠶᠢᠴᠠᠭᠠᠨ ᠴᠡᠭᠴᠡᠯᠡᠵᠤ᠂ ᠠᠵᠤ | ᠤᠶᠢᠯᠡᠤᠨᠪᠤᠷᠢ ᠶᠢᠨ ᠬᠦᠷᠢᠶᠡᠯᠡᠩ ᠳᠤᠭᠤᠷᠢᠭ ᠤᠨ ᠨᠡᠬᠦᠷᠡᠰᠤᠨ ᠴᠢᠯᠠᠭᠤ ᠤᠪᠤᠭᠠᠯᠠᠬᠤ᠂ ᠱᠤᠷᠪᠤᠭ ᠤᠰᠤ ᠰᠢᠢᠤᠨᠪᠤᠷᠢᠯᠡᠬᠦ᠂ ᠠᠭᠤᠷᠰᠢᠭᠤᠯᠬᠤ ᠴᠦᠬᠦᠷᠤᠮ ᠵᠡᠷᠬᠡ | ᠤᠷᠴᠢᠨ ᠬᠠᠮᠠᠭᠠᠯᠠᠬᠤ ᠲᠦᠬᠦᠬᠡᠷᠤᠮᠵᠢ ᠶᠢᠨ ᠲᠦᠯᠤᠪᠵᠢᠬᠦᠯᠬᠡ ᠪᠠ ᠪᠠᠶᠢᠭᠤᠯᠤᠯᠳᠠ ᠶᠢ ᠬᠢᠨᠠᠮᠠᠭᠠᠢ ᠠᠤᠨᠬᠤᠵᠤ᠂ ᠤᠷᠴᠢᠨ ᠳᠤᠭᠤᠷᠢᠨ ᠤ ᠪᠤᠬᠢᠷᠳᠤᠯ ᠢ ᠦᠨᠡᠨᠬᠦ | ᠪᠠᠭᠠᠰᠬᠠᠨ᠎ᠠ᠃ ᠲᠦᠷᠪᠠ ᠳᠤ᠂ ᠠᠷᠢᠭᠤᠨ ᠴᠢᠬᠡᠴᠢ ᠶᠢᠨ ᠤᠬᠠᠮᠰᠠᠷ ᠢ ᠪᠤᠢ ᠪᠤᠯᠭᠠᠨ᠎ᠠ᠃ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠣᠶᠢᠯᠠᠳᠦᠯᠡᠭᠡ | ᠶᠢᠨ ᠦᠷ᠎ᠡ ᠪᠦᠳᠦᠭᠡᠯ ᠢ ᠦᠷᠭᠡᠳᠬᠡᠨ ᠪᠠᠬᠢᠵᠢᠭᠦᠯᠵᠣ᠂ 《 ᠭᠤᠷᠪᠠᠨ ᠴᠢᠩᠭ᠎ᠠ᠂ ᠭᠤᠷᠪᠠᠨ ᠪᠣᠳᠠᠳᠠᠢ 》ᠲᠣᠰᠬᠠᠢ ᠰᠡᠳᠦᠪᠳᠦ ᠬᠦᠮᠤᠵᠢᠯ ᠤᠨ ᠠᠵᠢᠯᠯᠠᠭ᠎ᠠ ᠶᠢ | ᠯᠠᠪᠳᠠᠭᠤᠨ ᠪᠠᠳᠤᠳᠠᠢ ᠦᠷᠨᠢᠭᠦᠯᠵᠣ᠂ ᠺᠠᠳ᠋ᠷ ᠤᠨ ᠬᠢᠨᠠᠯᠳᠠ ᠬᠠᠮᠢᠶᠠᠷᠣᠯᠳᠠ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠳᠬᠠᠵᠣ᠂ | ᠢᠳᠡᠬᠦ ᠠᠪᠬᠤ ᠭᠠᠴᠢᠬᠤ ᠱᠤᠯᠤᠬᠤ᠂ ᠬᠤᠶᠢᠷᠭᠤᠰᠢᠬᠤ᠂ ᠬᠠᠷᠢᠭᠤᠴᠠᠯᠭ᠎ᠠ ᠠᠯᠳᠠᠵᠤ ᠲᠣᠰᠢᠶᠠᠯ ᠢᠶᠠᠨ ᠭᠤᠳᠣᠭᠠᠭᠰᠠᠨ ᠤᠶᠢᠯᠡ ᠠᠵᠢᠯᠯᠠᠭ᠎ᠠ ᠶᠢ ᠡᠷᠡᠰ ᠴᠢᠩᠭ᠎ᠠ ᠪᠠᠷ | ᠴᠡᠭᠴᠡᠯᠡᠨ ᠵᠠᠰᠠᠨ᠎ᠠ᠃ ᠪᠤᠷᠤ ᠬᠤᠨᠤᠭ ᠦᠩᠬᠡᠷᠡᠬᠡᠬᠦ ᠦᠵᠡᠯ ᠣᠬᠠᠮᠰᠠᠷ ᠢ ᠪᠣᠢ ᠪᠣᠯᠭᠠᠵᠣ᠂《 ᠭᠤᠷᠪᠠᠨ ᠠᠯᠪᠠᠨ 》ᠵᠠᠷᠣᠳᠠᠯ ᠢ ᠨᠢᠳᠤᠨᠤᠨ ᠠᠴᠠ ᠲᠠᠬᠢᠨ 5% | ᠪᠠᠷ ᠪᠠᠭᠤᠷᠠᠭᠤᠯᠣᠨ᠎ᠠ᠃ ᠵᠠᠰᠠᠭ ᠤᠨ ᠣᠷᠳᠣᠨ ᠠᠴᠠ ᠪᠡᠯᠡ ᠤᠷᠤᠭᠤᠯᠤᠭᠰᠡᠨ ᠲᠦᠷᠤᠯ ᠵᠦᠢᠯ ᠤᠨ ᠳᠠᠭᠠᠭᠠᠴᠢᠯᠠᠯᠳᠠ ᠵᠠᠷᠯᠠᠬᠤ ᠦᠨ᠎ᠠ ᠬᠠᠩᠰᠢ ᠶᠢ ᠬᠢᠵᠠᠭᠠᠷᠯᠠᠬᠤ | ᠬᠢᠨᠠᠨ ᠰᠢᠯᠭᠠᠯᠳᠠ ᠶᠢᠨ ᠲᠦᠷᠢᠮ ᠢ ᠴᠢᠩᠭ᠎ᠠ ᠬᠡᠷᠡᠭᠵᠢᠭᠦᠯᠵᠣ᠂ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠡᠨ ᠪᠠᠷᠢᠯᠭ᠎ᠠ ᠶᠢᠨ ᠠᠵᠢᠯ ᠳᠠᠭᠤᠰᠤᠭᠰᠡᠨ | ᠳᠠᠰᠤᠯᠤᠨ ᠪᠤᠳᠤᠯᠳᠠ ᠶᠢᠨ ᠬᠢᠨᠠᠨ ᠰᠢᠯᠭᠠᠯᠳᠠ ᠶᠢ ᠴᠢᠩᠭᠠᠤᠨᠬᠠᠵᠤ᠂ ᠪᠠᠷᠢᠯᠭ᠎ᠠ ᠶᠢᠨ ᠠᠵᠢᠯ ᠤᠨ ᠬᠡᠪᠴᠢᠶ᠎ᠡ ᠪᠣᠯᠣᠨ ᠪᠠᠷᠢᠮᠵᠢᠶ᠎ᠠ ᠶᠢ ᠴᠢᠩᠭ᠎ᠠ ᠬᠢᠵᠠᠭᠠᠷᠯᠠᠵᠣ᠂ ᠲᠦᠷᠢ | ᠲᠦᠷᠬᠦ ᠶᠢᠨ ᠢᠨᠵᠧᠨᠧᠷᠢᠩ᠂ ᠦᠩᠭᠡᠨ ᠲᠠᠯ᠎ᠠ ᠶᠢᠨ ᠠᠵᠢᠯ ᠢ ᠳᠡᠪᠴᠢᠨ᠎ᠠ᠃ ᠬᠢᠨᠠᠨ ᠪᠠᠶᠢᠴᠠᠭᠠᠬᠤ᠂ ᠬᠢᠨᠠᠨ ᠰᠢᠯᠭᠠᠬᠤ ᠬᠢᠨᠠᠯᠳᠠ ᠶᠢᠨ ᠴᠢᠳᠠᠪᠬᠢ ᠶᠢ ᠭᠦᠢᠴᠡᠳ | ᠪᠠᠳᠠᠷᠠᠭᠤᠯᠵᠣ᠂ ᠬᠠᠤᠯᠢ ᠰᠠᠬᠢᠯᠭ᠎ᠠ ᠵᠦᠷᠢᠴᠡᠭᠰᠡᠨ ᠡᠯ᠎ᠡ ᠲᠦᠷᠤᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠣ᠂ ᠺᠠᠳ᠋ᠷ ᠠᠷᠢᠭᠤᠨ ᠴᠢᠬᠡᠴᠢ᠂ ᠵᠠᠰᠠᠭ ᠤᠨ | ᠣᠷᠳᠣᠨ ᠲᠦᠪ ᠴᠢᠬᠡᠴᠢ᠂ ᠣᠯᠣᠰ ᠲᠦᠷᠦ ᠴᠡᠪᠡᠷ ᠴᠢᠬᠡᠴᠢ ᠤᠬᠢ ᠰᠠᠶᠢᠨ ᠬᠡᠪ ᠲᠦᠷᠬᠦ ᠶᠢ ᠱᠤᠭᠤᠨ᠎ᠠ᠃ ᠭᠠᠴᠠᠭ᠎ᠠ ᠲᠣᠰᠬᠤᠨ ᠤ ᠬᠤᠭᠤᠴᠠᠭ᠎ᠠ ᠰᠣᠯᠢᠬᠤ ᠠᠵᠢᠯ | ᠢ ᠰᠠᠶᠢᠳᠦᠷ ᠵᠣᠬᠢᠶᠠᠨ ᠪᠠᠶᠢᠭᠤᠯᠵᠤ᠂ ︽ᠡᠭᠦᠷ ᠵᠥᠪᠯᠡᠯ︾ ᠤᠨ ᠪᠥᠷᠢᠯᠳᠥᠭᠦᠨ ᠢ ᠲᠤᠬᠢᠳᠠᠢ ᠰᠤᠩᠭᠤᠨ ᠲᠤᠬᠢᠷᠠᠭᠤᠯᠤᠨ᠎ᠠ᠃ ᠲᠠᠪᠤ ᠳᠤ ᠬᠠᠷᠢᠭᠤᠴᠠᠬᠤ ᠣᠬᠠᠮᠰᠠᠷ ᠢ | ᠪᠣᠢ ᠪᠣᠯᠭᠠᠨ᠎ᠠ᠃ᠬᠤᠳᠠ ᠶᠢᠨ ᠨᠠᠮ ᠤᠨ ᠬᠤᠷᠢᠶᠠᠨ ᠤ ᠬᠡᠷᠡᠭᠵᠢᠬᠦᠯᠬᠦ ᠬᠦᠴᠤᠨ ᠢᠶᠠᠨ ᠴᠢᠩᠭᠠᠤᠨᠬᠠᠵᠤ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠳᠤᠬᠠᠢ ᠳᠤᠭᠳᠠᠭᠠᠯ | ᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠣ᠂ ᠬᠡᠷᠡᠭᠵᠢᠬᠦᠯᠬᠦ ᠬᠠᠷᠢᠭᠤᠴᠠᠯᠭ᠎ᠠ ᠶᠢ ᠴᠢᠩᠭᠠᠤᠨᠬᠠᠨ᠂ ᠬᠠᠷᠢᠭᠤᠴᠠᠯᠭ᠎ᠠ ᠪᠠᠨ ᠬᠦᠢᠴᠡᠤᠨᠬᠡᠬᠦ ᠬᠢᠨᠠᠯᠳᠠ ᠬᠠᠮᠢᠶᠠᠷᠤᠯᠳᠠ ᠶᠢ | ᠴᠢᠩᠭᠠᠳᠬᠠᠵᠣ᠂ ᠴᠢᠬᠤᠯᠠ ᠶᠡᠭᠡ ᠰᠢᠢᠤᠨᠪᠤᠷᠢ᠂ ᠴᠢᠬᠤᠯᠠ ᠶᠡᠭᠡ ᠲᠦᠷᠤᠯ ᠵᠦᠢᠯ᠂ ᠭᠤᠤᠯᠳᠠᠯᠭᠠᠳᠤ ᠠᠵᠢᠯ ᠤᠨ ᠪᠤᠳᠠᠳᠠᠶᠢᠵᠢᠯᠳᠠ ᠶᠢ ᠪᠠᠳᠤᠯᠠᠨ᠎ᠠ᠃ ᠠᠯᠪᠠᠨ | ᠪᠠᠶᠢᠭᠤᠯᠭ᠎ᠠ ᠶᠢᠨ ᠴᠢᠳᠠᠪᠤᠷᠢ ᠪᠦᠳᠤᠮᠵᠢ ᠶᠢᠨ ᠪᠠᠶᠢᠭᠤᠯᠤᠯᠳᠠ ᠶᠢ ᠭᠦᠨᠵᠡᠭᠡᠶᠢᠷᠡᠭᠦᠯᠵᠣ᠂ ᠰᠢᠷᠭᠠᠭᠤ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠣ᠂ ᠰᠠᠯᠠᠩ | ᠤᠳᠠᠭᠠᠨ ᠳᠤᠷ᠎ᠠ ᠲᠠᠪᠠ ᠪᠠᠷ ᠤᠶᠢᠯᠡᠤᠨᠬᠦ ᠶᠢ ᠡᠷᠡᠰ ᠴᠢᠩᠭ᠎ᠠ ᠪᠠᠷ ᠵᠠᠯᠠᠷᠠᠭᠤᠯᠵᠤ᠂《 ᠡᠳᠦᠷ ᠦᠩᠭᠡᠷᠡᠭᠦᠯᠬᠦ︾᠂《 ᠠᠯᠪᠠ ᠬᠠᠰᠢᠬᠤ︾ ᠂《 ᠡᠬᠦᠷᠬᠡ | ᠳᠤᠰᠢᠶᠠᠯ ᠢᠶᠠᠨ ᠬᠦᠢᠴᠡᠤᠨᠬᠡᠬᠦ ᠦᠬᠡᠢ 》ᠵᠡᠷᠭᠡ ᠬᠤᠶᠢᠷᠭᠤᠰᠢᠬᠤ ᠦᠵᠡᠭᠳᠡᠯ ᠢ ᠦᠬᠡᠶᠢᠰᠬᠡᠵᠤ᠂ ᠰᠡᠳᠣᠬᠦ ᠬᠢᠬᠦ ᠪᠦᠳᠤᠬᠡᠬᠦ ᠬᠡᠪ ᠰᠤᠷᠳᠠᠯ ᠢ ᠪᠤᠢ ᠪᠤᠯᠭᠠᠨ᠎ᠠ᠃ | ᠠᠰᠠᠭᠤᠳᠠᠯ ᠳᠤ ᠴᠢᠭᠯᠡᠬᠦᠯᠤᠨ ᠨᠢᠮᠪᠠᠢ ᠰᠤᠳᠤᠯᠵᠤ ᠡᠷᠴᠢᠮᠳᠠᠢ ᠠᠷᠭ᠎ᠠ ᠬᠡᠮᠵᠢᠶ᠎ᠠ ᠠᠪᠴᠤ᠂ ᠠᠵᠣ ᠠᠬᠤᠢ ᠶᠢᠨ ᠬᠦᠭᠵᠢᠯᠳᠠ ᠪᠠ ᠨᠡᠶᠢᠭᠡᠮ ᠤᠨ ᠵᠠᠰᠠᠯᠳᠠ ᠵᠡᠷᠭᠡ | ᠬᠦᠷᠢᠶ᠎ᠡ ᠬᠡᠪᠴᠢᠶᠡᠨ ᠳᠠᠬᠢ ᠵᠦᠷᠢᠴᠠᠯ ᠪᠤᠯᠤᠨ ᠠᠰᠠᠭᠤᠳᠠᠯ ᠢ ᠵᠣᠬᠢᠰᠳᠠᠢ ᠰᠢᠢᠳᠪᠦᠷᠢᠯᠡᠨ᠎ᠡ᠃ | ᠲᠥᠯᠥᠭᠡᠯᠡᠭᠴᠢᠳ ᠡ᠂ ᠣᠳᠤᠭ ᠤᠨ ᠡᠮᠦᠨᠡᠳᠦ ᠬᠤᠰᠢᠭᠤᠨ ᠤ ᠬᠦᠭᠵᠢᠯᠳᠠ ᠡᠳᠤᠬᠡ ᠶᠠᠭ ᠰᠢᠨ᠎ᠡ ᠡᠬᠢᠯᠠᠯᠳᠠ ᠶᠢᠨ ᠴᠡᠭ ᠳᠡᠬᠡᠷ᠎ᠠ ᠪᠠᠶᠢᠨ᠎ᠠ᠂ ᠪᠢᠳᠠ ᠴᠠᠭ ᠦᠶ᠎ᠡ | ᠶᠢᠨ ᠨᠠᠶᠢᠳᠠᠯᠭ᠎ᠠ ᠶᠢ ᠬᠦᠯᠢᠶᠡᠨ᠂ ᠴᠤᠴᠠᠯᠳᠠ ᠦᠬᠡᠢ ᠠᠵᠢᠯᠯᠠᠳᠠᠭ ᠯᠡ ᠶᠤᠮ ᠪᠤᠯ ᠬᠦᠰᠡᠯ ᠪᠤᠳᠤᠯ ᠢᠶᠠᠨ ᠵᠢᠬᠦᠷᠯᠡᠬᠦᠯᠵᠤ ᠴᠢᠳᠠᠬᠤ ᠨᠢ ᠪᠠᠳᠤᠳᠠᠢ᠃ ᠪᠢᠳᠡ ᠬᠤᠳᠠ | ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠭᠥᠴᠥᠳᠤ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠡᠯ᠎ᠡ | ᠦᠨᠳᠤᠰᠤᠳᠠᠨ ᠤ ᠠᠷᠠᠤᠨ ᠲᠦᠮᠡᠨ ᠳᠤ ᠲᠦᠰᠢᠭᠯᠡᠨ ᠬᠦᠭᠵᠢᠯᠳᠠ ᠶᠢ ᠪᠠᠳᠤ ᠡᠵᠡᠮᠳᠡᠵᠤ᠂ ᠬᠦᠴᠢᠷ ᠪᠡᠷᠬᠡᠰᠢᠶᠡᠯ ᠢ ᠢᠯᠡᠨ᠂ ᠭᠥᠴᠥᠨ ᠴᠢᠳᠠᠯ ᠢᠶᠠᠨ | ᠨᠢᠭᠳᠠᠷᠠᠭᠤᠯᠤᠨ᠂ ᠵᠠᠮ ᠨᠡᠬᠡᠬᠡᠨ ᠤᠷᠤᠭᠰᠢᠯᠡᠵᠤ᠂ ᠪᠠᠶᠠᠨ ᠲᠠᠩᠰᠤᠭ᠂ ᠪᠤᠯᠪᠠᠰᠤᠨ ᠰᠠᠶᠢᠬᠠᠨ᠂ ᠥᠨᠢᠷ ᠵᠢᠷᠭᠠᠯ ᠲᠠᠢ᠂ ᠥᠵᠡᠰᠭᠦᠯᠡᠩ ᠲᠡᠭᠦᠯᠳᠡᠷ ᠤᠳᠤᠭ ᠤᠨ | ᠡᠮᠥᠨᠡᠳᠥ ᠬᠤᠰᠢᠭᠤ ᠪᠠᠨ ᠴᠤᠭᠴᠠᠯᠠᠨ ᠪᠠᠶᠢᠭᠤᠯᠬᠤ ᠶᠢᠨ ᠲᠤᠯᠠᠳᠠ ᠴᠦᠬᠦᠯ ᠥᠭᠡᠢ ᠴᠢᠷᠮᠠᠶᠢᠰᠤᠭᠠᠢ︕ | | | | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠨᠡᠷᠡᠰ ᠤᠨ ᠲᠠᠶᠢᠯᠪᠣᠷᠢ | 1᠂ ᠠᠵᠢᠯ ᠲᠠᠢ ᠬᠦᠮᠦᠨ ᠦᠭᠡᠢ ᠭᠡᠷ ᠪᠦᠯᠢ᠄ ᠬᠤᠳᠠ ᠶᠢᠨ ᠠᠶᠢᠯ ᠳᠤ ᠬᠠᠣᠯᠢ ᠳᠤ ᠲᠤᠭᠳᠠᠭᠠᠭᠰᠠᠨ ᠬᠦᠳᠡᠯᠮᠦᠷᠢᠯᠡᠬᠦ ᠨᠠᠰᠣᠨ ᠤ ᠭᠥᠳᠡᠯᠮᠤᠷᠢᠯᠡᠭᠦ ᠴᠢᠳᠠᠯ ᠲᠠᠢ | ᠪᠥᠭᠡᠳ ᠣᠶᠢᠯᠠᠰ ᠪᠣᠰᠬᠠᠬᠤ ᠬᠦᠰᠡᠯ ᠲᠠᠢ ᠭᠥᠮᠥᠨ ᠪᠥᠷ ᠠᠵᠢᠯ ᠥᠭᠡᠢ ᠮᠥᠷᠳᠡᠭᠡᠨ ᠡᠵᠡᠩᠨᠡᠯᠳᠠ᠂ ᠪᠡᠯᠡ ᠣᠷᠣᠭᠤᠯᠣᠯᠳᠠ ᠶᠢᠨ ᠴᠢᠨᠠᠷᠳᠠᠢ ᠣᠷᠣᠯᠭ᠎ᠠ ᠦᠭᠡᠢ ᠭᠡᠷ | ᠪᠥᠯᠢ᠃ | 2᠂ ᠣᠯᠣᠰ ᠤᠨ ᠭᠤᠣᠯᠳᠠᠯᠭᠠᠳᠦ ᠪᠠᠯᠭᠠᠰᠦ᠄ ᠣᠷᠣᠨ ᠰᠠᠭᠤᠴᠠ ᠪᠤᠯᠤᠨ ᠬᠤᠳᠠ ᠭᠥᠳᠡᠭᠡ ᠶᠢᠨ ᠪᠥᠳᠥᠭᠡᠨ ᠪᠠᠶᠢᠭᠤᠯᠤᠯᠳᠠ ᠶᠢᠨ ᠶᠠᠮᠣᠨ᠂ ᠣᠯᠣᠰ ᠤᠨ | ᠭᠦᠭᠵᠢᠭᠦᠯᠦᠯᠳᠠ ᠦᠭᠡᠷᠡᠴᠢᠯᠡᠯᠳᠠ ᠶᠢᠨ ᠵᠦᠪᠯᠡᠯ ᠵᠡᠷᠬᠡ 7 ᠶᠠᠮᠣᠨ ᠵᠦᠪᠯᠡᠯ ᠠᠴᠠ ᠬᠠᠮᠳᠤᠷᠠᠵᠤ ᠬᠢᠨᠠᠨ ᠲᠣᠭᠳᠠᠭᠠᠭᠰᠠᠨ ᠭᠤᠤᠯ ᠲᠠᠶᠢᠴᠢᠯᠠᠭᠴᠢ ᠪᠠᠭ᠎ᠠ ᠬᠤᠳᠠ | ᠪᠠᠯᠭᠠᠰᠦ᠃ | 3᠂ ︽ᠠᠷᠪᠠᠨ ᠪᠥᠭᠦ ᠪᠥᠷᠭᠦᠴᠡ ︾ ᠶᠢᠨ ᠢᠨᠵᠧᠨᠧᠷᠢᠩ᠄ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ 2014 ᠤᠨ | ᠳᠤ ᠲᠤᠭᠳᠠᠭᠠᠭᠰᠠᠨ ᠠᠷᠠᠳ ᠢ ᠬᠠᠷᠠᠭᠠᠯᠵᠠᠬᠤ ᠴᠢᠬᠤᠯᠠ ᠢᠨᠵᠧᠨᠧᠷᠢᠩ᠃ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠠᠶᠣᠯᠳᠠᠢ ᠭᠡᠷ ᠪᠠᠶᠢᠰᠢᠩ ᠤᠨ | ᠥᠭᠡᠷᠡᠴᠢᠯᠡᠯᠳᠡ᠂ ᠠᠶᠤᠯᠭᠦᠢ ᠤᠰᠤ ᠤᠮᠳᠠ᠂ ᠭᠠᠴᠠᠭ᠎ᠠ ᠲᠣᠰᠬᠤᠨ ᠤ ᠵᠠᠮ ᠵᠡᠭᠡᠯᠢ᠂ ᠴᠠᠬᠢᠯᠭᠠᠨ᠂ ᠷᠠᠳᠢᠣ᠋ ᠲᠧᠯᠸᠢᠰ ᠨᠡᠪᠳᠡᠷᠡᠭᠦᠯᠭᠡ᠂ ᠪᠠᠷᠢᠮᠵᠢᠶᠠᠳᠦ ᠡᠷᠡᠭᠦᠯ | ᠬᠠᠮᠠᠭᠠᠯᠠᠯ ᠤᠨ ᠲᠠᠰᠤᠭ᠂ ᠰᠣᠶᠣᠯ ᠤᠨ ᠭᠡᠷ᠂ ᠬᠤᠯᠪᠣᠭᠠᠳᠦ ᠬᠡᠳᠦ ᠲᠡᠯᠭᠡᠭᠦᠷ᠂ ᠨᠠᠰᠦᠵᠢᠯ ᠡᠮ ᠡᠮᠴᠢᠯᠡᠭᠡ ᠲᠣᠣᠷ᠎ᠠ ᠪᠠᠳᠣᠯᠠᠭ᠎ᠠ᠂ ᠰᠣᠷᠭᠠᠭᠤᠯᠢ ᠶᠢᠨ ᠭᠡᠷ ᠪᠠᠷᠢᠯᠭ᠎ᠠ | ᠶᠢᠨ ᠪᠠᠶᠢᠭᠤᠯᠣᠯᠳᠠ ᠬᠢᠭᠡᠳ ᠠᠮᠦᠷ ᠲᠦᠪᠰᠢᠨ ᠵᠡᠷᠭᠡ ᠶᠢᠨ ᠠᠵᠢᠯ ᠢ ᠪᠠᠭᠳᠠᠭᠠᠵᠤ᠂ ᠭᠤᠷᠪᠠᠨ ᠵᠢᠯ ᠤᠨ ᠬᠡᠷᠡᠭᠵᠢᠭᠦᠯᠥᠯᠳᠡ ᠶᠢᠨ ᠬᠤᠭᠤᠴᠠᠭ᠎ᠠ ᠲᠠᠢ᠃ ᠥᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠰᠢᠢᠳᠪᠥᠷᠢ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ《 ᠠᠷᠪᠠᠨ ᠪᠦᠬᠦ ᠪᠥᠷᠭᠦᠴᠡ 》 ᠶᠢᠨ ᠢᠨᠵᠧᠨᠧᠷᠢᠩ ᠪᠣᠯᠣᠨ ᠣᠳᠣ ᠦᠶ᠎ᠡ ᠶᠢᠨ ᠮᠠᠯ | ᠲᠠᠷᠢᠶᠠᠯᠡᠩ ᠤᠨ ᠣᠶᠢᠯᠠᠰ᠂ ᠶᠠᠳᠠᠭᠤ ᠶᠢ ᠲᠡᠳᠬᠦᠬᠦ ᠠᠵᠢᠯ᠂ ᠨᠣᠳᠤᠭ ᠤᠨ ᠪᠣᠯᠪᠠᠰᠦᠨ ᠰᠤᠷᠳᠠᠯ᠂ ᠰᠣᠶᠣᠯ ᠵᠢᠭᠤᠯᠴᠢᠯᠡᠯ᠂ ᠭᠠᠴᠠᠭᠠᠨ ᠳᠤ ᠵᠠᠮ ᠨᠡᠪᠳᠡᠷᠡᠭᠦᠯᠬᠦ | ᠢᠨᠵᠧᠨᠧᠷᠢᠩ ᠵᠡᠷᠭᠡ ︽ᠵᠢᠷᠭᠤᠭ᠎ᠠ ᠶᠢ ᠢᠵᠢ ᠴᠤᠭᠵᠢᠭᠤᠯᠤᠨ︾ ᠨᠢᠭᠡᠳᠥᠯᠳᠡᠢ ᠲᠤᠬᠢᠷᠠᠭᠤᠯᠤᠨ ᠴᠤᠭ ᠠᠬᠢᠭᠤᠯᠬᠤ ᠪᠠᠷ ᠪᠤᠯᠪᠠ᠂ ᠡᠭᠦᠨ ᠤ ᠵᠡᠷᠭᠡᠴᠡᠭᠡ ᠠᠶᠢᠯ | ᠲᠤᠰᠬᠤᠨ ᠤ ᠤᠶᠢᠵᠢᠭᠤᠯᠤᠯᠳᠠ ᠨᠤᠭᠤᠭᠠᠵᠢᠭᠤᠯᠤᠯᠳᠠ᠂ ᠭᠠᠴᠠᠭ᠎ᠠ ᠲᠣᠰᠬᠤᠨ ᠤ ᠬᠠᠮᠳᠦ ᠶᠢᠨ ᠠᠵᠣ ᠠᠬᠤᠢ᠂ ᠥᠨᠳᠥᠰᠥᠨ ᠱᠠᠳᠤᠨ ᠤ ᠵᠣᠬᠢᠶᠠᠨ ᠪᠠᠶᠢᠭᠤᠯᠣᠳᠠ | ᠶᠢᠨ ᠠᠵᠢᠯ ᠵᠡᠷᠭᠡ ︽ᠭᠤᠷᠪᠠᠨ ᠪᠠᠶᠢᠭᠤᠯᠤᠯᠳᠠ︾ ᠶᠢ ᠴᠤ ᠴᠢᠩᠭᠠᠳᠬᠠᠨ ᠠᠬᠢᠭᠤᠯᠤᠨ᠎ᠠ᠃ | 4᠂ ᠣᠯᠣᠰ ᠤᠨ ᠰᠣᠶᠣᠯ ᠣᠯᠠᠮᠵᠢᠯᠡᠯᠳᠦ ᠭᠠᠴᠠᠭ᠎ᠠ ᠲᠣᠰᠬᠤᠨ ᠤ ᠬᠠᠮᠠᠭᠠᠯᠠᠯᠳᠠ ᠶᠢᠨ ᠨᠡᠷᠡᠰ ᠴᠠᠳᠢᠭ᠄ ᠣᠷᠣᠨ ᠰᠠᠭᠤᠴᠠ ᠪᠤᠯᠤᠨ ᠬᠤᠳᠠ ᠭᠥᠳᠡᠭᠡ ᠶᠢᠨ | ᠪᠥᠳᠥᠭᠡᠨ ᠪᠠᠶᠢᠭᠤᠯᠤᠯᠳᠠ ᠶᠢᠨ ᠶᠠᠮᠣᠨ᠂ ᠰᠣᠶᠣᠯ ᠤᠨ ᠶᠠᠮᠣᠨ ᠵᠡᠷᠭᠡ 7 ᠶᠠᠮᠣᠨ ᠵᠦᠪᠯᠡᠯ ᠠᠴᠠ ᠰᠢᠯᠭᠠᠷᠠᠭᠤᠯᠵᠤ ᠭᠠᠷᠭᠠᠭᠰᠠᠨ ᠲᠡᠣᠬᠡ ᠰᠣᠶᠣᠯ᠂ ᠨᠡᠶᠢᠭᠡᠮ ᠤᠨ | ᠠᠵᠣ ᠠᠬᠤᠢ ᠶᠢᠨ ᠦᠷᠳᠡᠭ ᠢᠶᠠᠷ ᠦᠨᠳᠦᠷ ᠭᠠᠴᠠᠭ᠎ᠠ ᠲᠤᠰᠬᠤᠨ ᠤ ᠨᠡᠷ᠎ᠡ ᠵᠢᠭᠳᠡ᠃ | 5᠂ ᠨᠢᠭᠡᠳᠦᠯᠳᠠᠢ ᠵᠢᠭᠡᠯᠡᠵᠣ᠂ ᠬᠤᠪᠢᠶᠠᠨ ᠬᠤᠯᠠᠬᠤ᠄ ᠵᠠᠰᠠᠮᠠᠯ ᠵᠠᠮ ᠤᠨ ᠰᠣᠶᠢᠳᠬᠡᠯ ᠬᠤᠷᠢᠶᠠᠬᠤ ᠡᠷᠬᠡ ᠶᠢ ᠲᠠᠨᠵᠢᠯᠠᠭᠠᠳ ᠣᠯᠣᠰ ᠤᠨ ᠲᠣᠳᠣᠭᠠᠳᠦ ᠭᠠᠳᠠᠭᠠᠳᠦ | ᠶᠢᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠠᠴᠠ ᠨᠢᠭᠡᠳᠦᠯᠳᠠᠢ ᠪᠡᠯᠡ ᠮᠦᠩᠭᠦ ᠵᠢᠭᠡᠯᠡᠨ᠂ ᠲᠠᠬᠢᠨ ᠬᠤᠳᠠ᠂ ᠬᠤᠰᠢᠭᠤ ᠬᠤᠶᠠᠷ ᠱᠠᠳᠤᠨ ᠤ ᠵᠠᠰᠠᠭ ᠤᠨ | ᠣᠷᠳᠣᠨ ᠠᠯᠬᠤᠮ ᠬᠤᠪᠢᠶᠠᠨ ᠲᠥᠯᠥᠭᠦ ᠠᠷᠠᠭ᠎ᠠ ᠭᠡᠯᠪᠡᠷᠢ᠃ | 6᠂ ᠨᠣᠳᠤᠭ ᠪᠡᠯᠴᠢᠭᠡᠷ ᠤᠨ ᠤᠶᠤᠨᠴᠢᠯᠠᠭᠰᠠᠨ ᠬᠠᠮᠢᠶᠠᠷᠦᠯᠳᠠ ᠶᠢᠨ ᠰᠢᠰᠲ᠋ᠧᠮ᠄ RS ︵ᠲᠠᠭᠠᠭᠤᠯᠢ ᠣᠳᠣᠨ ᠤ ᠠᠯᠣᠰ ᠡᠵᠡᠮᠰᠢᠯ ᠤᠨ ᠲᠠᠪᠴᠠᠩ︶᠂ GIS ︵ | ᠭᠠᠵᠠᠷ ᠤᠨ ᠭᠠᠳᠠᠷᠭᠤ ᠶᠢᠨ ᠮᠡᠳᠡᠭᠡ ᠵᠠᠩᠬᠢ ᠶᠢᠨ ᠰᠢᠰᠲ᠋ᠧᠮ︶ ᠪᠤᠯᠤᠨ GPS ︵ᠪᠦᠬᠦ ᠪᠦᠮᠪᠦᠷᠴᠡᠭ ᠤᠨ ᠪᠠᠶᠢᠷᠢ ᠲᠣᠭᠳᠠᠭᠠᠬᠤ ᠰᠢᠰᠲ᠋ᠧᠮ︶ ᠤᠶᠤᠨᠳᠤ | ᠰᠢᠰᠲ᠋ᠧᠮ ᠢ ᠴᠤᠭ ᠠᠰᠢᠭᠯᠠᠨ᠂ ᠨᠤᠳᠤᠭ ᠪᠡᠯᠴᠢᠭᠡᠷ ᠤᠨ ᠠᠮᠢ ᠠᠬᠤᠢ ᠪᠠ ᠣᠷᠭᠤᠮᠠᠯ ᠬᠤᠴᠢᠯᠭ᠎ᠠ ᠳᠤ ᠢᠮᠠᠭᠳᠠ ᠶᠢᠨ ᠬᠢᠨᠠᠯᠳᠠ ᠬᠢᠵᠥ᠂ ᠪᠡᠯᠴᠢᠭᠡᠷ ᠢ ᠵᠣᠬᠢᠰᠳᠠᠢ | ᠠᠰᠢᠭᠯᠠᠬᠤ ᠪᠠᠷ ᠬᠠᠷᠠᠯᠳᠠ ᠪᠤᠯᠭᠠᠭᠰᠠᠨ ᠰᠢᠰᠲ᠋ᠧᠮ᠃ | 7᠂ ᠣᠯᠣᠰ ᠤᠨ ᠪᠣᠯᠪᠠᠰᠦᠨ ᠬᠤᠰᠢᠭᠤ᠄ ᠣᠯᠣᠰ ᠤᠨ ᠲᠤᠳᠤᠭᠠᠳᠤ ᠶᠢᠨ ᠬᠤᠳᠠ ᠪᠠᠯᠭᠠᠰᠤ ᠶᠢᠨ ᠶᠡᠷᠦᠩᠬᠡᠶᠢᠯᠡᠭᠰᠠᠨ ᠬᠠᠮᠤᠭ ᠴᠢᠨᠠᠷᠯᠢᠭ ᠥᠨᠡᠯᠡᠯᠳᠡ ᠶᠢᠨ ᠨᠢᠭᠡ᠂ | ᠭᠤᠷᠪᠠᠨ ᠵᠢᠯ ᠳᠤ ᠨᠢᠭᠡ ᠰᠢᠯᠭᠠᠷᠠᠭᠤᠯᠳᠠᠭ᠃ | 8᠂ ᠨᠠᠮ ᠵᠠᠰᠠᠭ ᠬᠠᠷᠢᠭᠤᠴᠠᠯᠭ᠎ᠠ ᠠᠳᠠᠯᠢ᠂ ᠨᠢᠭᠡ ᠪᠠᠶᠢᠷᠢ ᠬᠤᠣᠰ ᠬᠠᠷᠢᠭᠤᠴᠠᠯᠭ᠎ᠠ᠄ ᠠᠶᠣᠯᠭᠦᠢ ᠣᠶᠢᠯᠠᠳᠪᠦᠷᠢᠯᠡᠯ ᠤᠨ ᠬᠢᠨᠡᠯᠳᠠ ᠬᠠᠮᠢᠶᠠᠷᠣᠯᠳᠠ ᠲᠣᠮᠳᠠ᠂ ᠡᠯ᠎ᠡ | ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠮᠳᠦ ᠪᠠᠷ ᠣᠳᠣᠷᠢᠳᠬᠤ ᠬᠠᠷᠢᠭᠤᠴᠠᠯᠭ᠎ᠠ ᠭᠥᠯᠢᠶᠡᠨ᠂ ᠬᠠᠮᠢᠶ᠎ᠠ ᠪᠦᠭᠦᠢ ᠠᠵᠢᠯ ᠤᠨ ᠪᠠᠶᠢᠷᠢ ᠶᠢᠨ | ᠣᠳᠣᠷᠢᠳᠬᠤ ᠺᠠᠳ᠋ᠷ ᠲᠣᠬᠠᠶᠢᠯᠠᠭᠰᠠᠨ ᠠᠵᠢᠯ ᠳᠤ ᠪᠠᠨ ᠬᠠᠷᠢᠭᠤᠴᠠᠬᠤ ᠮᠦᠷᠳᠡᠭᠡᠨ ᠲᠣᠰ ᠠᠵᠢᠯ ᠤᠨ ᠪᠠᠶᠢᠷᠢ ᠶᠢᠨ ᠠᠶᠣᠯᠭᠦᠢ ᠣᠶᠢᠯᠠᠳᠪᠦᠷᠢᠯᠠᠯ ᠤᠨ ᠬᠢᠨᠠᠨ | ᠬᠠᠮᠢᠶᠠᠷᠣᠯᠳᠠ ᠶᠢᠨ ᠠᠵᠢᠯ ᠤᠨ ᠬᠠᠷᠢᠭᠤᠴᠠᠯᠭ᠎ᠠ ᠬᠦᠯᠢᠶᠡᠬᠦ ᠶᠢ ᠵᠢᠭᠠᠨ᠎ᠠ᠃ | 9᠂《 ᠲᠦᠷᠪᠡᠨ ᠨᠠᠵᠠᠭᠠᠢ ᠰᠣᠷᠳᠠᠯ 》᠄ ᠬᠡᠯᠪᠡᠷᠢ ᠶᠢᠨ ᠦᠵᠡᠯ᠂ ᠨᠣᠶᠠᠨᠴᠢ ᠰᠣᠷᠳᠠᠯ᠂ ᠵᠢᠷᠭᠠᠬᠤ ᠦᠵᠡᠯ᠂ ᠪᠦᠷᠢᠯᠭᠡᠬᠦ ᠰᠣᠷᠳᠡᠯ᠃ | 10᠂《 ᠭᠤᠷᠪᠠᠨ ᠠᠯᠪᠠᠨ 》 ᠵᠠᠷᠣᠳᠠᠯ᠄ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠠᠵᠢᠯᠳᠠᠳ ᠤᠨ ᠠᠯᠪᠠᠨ ᠵᠠᠷᠣᠳᠠᠯ ᠢᠶᠠᠷ ᠭᠠᠳᠠᠭᠠᠳᠦ ᠳᠤ ᠭᠠᠷᠬᠤ᠂ | ᠠᠯᠪᠠᠨ ᠲᠡᠷᠭᠡ ᠬᠤᠳᠠᠯᠳᠣᠨ ᠠᠪᠬᠤ ᠵᠢᠴᠢ ᠠᠷᠠᠴᠢᠯᠠᠬᠤ ᠵᠠᠷᠣᠳᠠᠯ᠂ ᠠᠯᠪᠠᠨ ᠤ ᠬᠦᠯᠢᠶᠠᠨ ᠵᠣᠴᠢᠯᠠᠭ᠎ᠠ ᠳᠤ ᠭᠡᠷᠡᠭᠯᠡᠭᠦ ᠵᠠᠷᠣᠳᠠᠯ ᠢ ᠵᠢᠭᠠᠨ᠎ᠠ᠃ | 11᠂ ᠮᠠᠯ ᠲᠠᠷᠢᠶᠠᠯᠠᠩ ᠤᠨ ᠪᠦᠳᠦᠭᠳᠡᠭᠦᠨ ᠤ ᠡᠬᠢ ᠶᠢ ᠭᠡᠳᠡᠷᠬᠦ ᠨᠡᠭᠡᠮᠵᠢᠯᠡᠬᠦ ᠰᠢᠰᠲ᠋ᠧᠮ᠄ ᠮᠠᠯ ᠲᠠᠷᠢᠶᠠᠯᠠᠩ ᠤᠨ ᠪᠥᠳᠥᠭᠡᠭᠳᠡᠭᠦᠨ ᠤ ᠲᠠᠷᠢᠵᠤ ᠲᠡᠵᠢᠭᠡᠬᠦ᠂ | ᠪᠣᠯᠪᠠᠰᠣᠷᠠᠭᠤᠯᠬᠤ᠂ ᠭᠥᠢᠯᠭᠡᠭᠡᠯᠡᠭᠦ ᠪᠣᠯᠣᠨ ᠭᠡᠷᠡᠭᠯᠡᠭᠦ ᠡᠯ᠎ᠡ ᠭᠤᠭᠴᠤᠭ᠎ᠠ ᠶᠢ ᠰᠢᠰᠲ᠋ᠧᠮᠵᠢᠭᠦᠯᠥᠨ ᠴᠤᠭᠴᠠᠵᠢᠭᠤᠯᠤᠭᠰᠠᠨ ︽ᠰᠠᠨᠠᠭ᠎ᠠ ᠠᠮᠤᠷ ᠭᠡᠷᠡᠭᠯᠡᠭᠡ︾ ᠳᠤ | ᠥᠢᠯᠡᠴᠢᠯᠡᠭᠰᠡᠨ ᠮᠡᠳᠡᠭᠡ ᠵᠠᠩᠬᠢᠴᠢᠯᠠᠯᠳᠠ ᠶᠢᠨ ᠬᠠᠮᠢᠶᠠᠷᠣᠯᠳᠠ ᠶᠢᠨ ᠰᠢᠰᠲ᠋ᠧᠮ᠃ | 12᠂ PPP ᠠᠷᠭ᠎ᠠ ᠬᠡᠯᠪᠡᠷᠢ᠄ ᠵᠠᠰᠠᠭ ᠤᠨ ᠣᠷᠳᠣᠨ ᠪᠣᠯᠣᠨ ᠠᠵᠣ ᠠᠬᠤᠶᠢᠯᠡᠯ ᠣᠷᠳᠦ ᠬᠤᠭᠤᠴᠠᠭᠠᠳᠤ ᠬᠡᠯᠡᠯᠴᠡᠭᠡᠷ ᠲᠣᠭᠳᠠᠵᠣ᠂ ᠵᠠᠰᠠᠭ ᠤᠨ ᠣᠷᠳᠣᠨ ᠠᠴᠠ | ᠠᠵᠣ ᠠᠬᠤᠶᠢᠯᠡᠯ ᠳᠤ ᠰᠠᠭᠤᠷᠢ ᠲᠥᠭᠦᠭᠡᠷᠤᠮᠵᠢ ᠪᠥᠳᠥᠭᠡᠨ ᠪᠠᠶᠢᠭᠤᠯᠬᠤ᠂ ᠡᠵᠡᠩᠨᠡᠭᠦ ᠪᠤᠶᠤ ᠬᠠᠮᠢᠶᠠᠷᠣᠯᠳᠠ ᠬᠢᠭᠦ ᠡᠷᠭᠡ ᠤᠯᠭᠤᠨ᠂ ᠨᠡᠶᠢᠳᠠ ᠣᠯᠠᠨ ᠳᠤ | ᠥᠢᠯᠡᠴᠢᠯᠡᠭᠦᠯᠭᠦ ᠬᠡᠯᠪᠡᠷᠢ ᠶᠢ ᠵᠢᠭᠠᠵᠤ ᠪᠤᠢ᠃ | 13᠂ BOT ᠠᠷᠭ᠎ᠠ ᠬᠡᠯᠪᠡᠷᠢ᠄ ᠵᠠᠰᠠᠭ ᠤᠨ ᠣᠷᠳᠣᠨ ᠪᠣᠯᠣᠨ ᠠᠵᠣ ᠠᠬᠤᠶᠢᠯᠠᠯ ᠤᠨ ᠲᠣᠭᠳᠠᠭᠰᠠᠨ ᠣᠨᠴᠠ ᠵᠦᠪᠰᠢᠶᠡᠷᠡᠯ ᠤᠨ ᠡᠷᠬᠡ ᠶᠢᠨ ᠬᠡᠯᠡᠯᠴᠡᠭᠡᠷ ᠢ | ᠵᠢᠭᠠᠵᠤ ᠪᠤᠢ᠃ ᠲᠠᠷᠤᠢ ᠠᠵᠣ ᠠᠬᠤᠶᠢᠯᠡᠯ ᠰᠠᠭᠤᠷᠢ ᠲᠦᠬᠦᠭᠡᠷᠦᠮᠵᠢ ᠪᠠᠶᠢᠭᠤᠯᠣᠭᠰᠠᠨ ᠤ ᠲᠠᠷᠠᠭ᠎ᠠ ᠭᠡᠷᠡᠭᠯᠡᠭᠴᠢᠳ ᠠᠴᠠ ᠵᠣᠬᠢᠷᠠᠮᠵᠢᠳᠠᠢ ᠵᠠᠷᠣᠳᠠᠯ ᠬᠤᠷᠢᠶᠠᠬᠤ ᠪᠠᠷ | ᠲᠠᠮᠵᠢᠨ ᠠᠰᠢᠭ ᠣᠷᠣᠯᠭ᠎ᠠ ᠪᠠᠨ ᠪᠠᠳᠣᠯᠠᠬᠤ ᠠᠷᠭ᠎ᠠ ᠬᠡᠯᠪᠡᠷᠢ᠃ | 14᠂《 ᠭᠤᠷᠪᠠᠨ ᠭᠠᠷᠳᠠᠮ 》 ᠤᠨ ᠬᠠᠮᠢᠶᠠᠷᠣᠯᠳᠠ ᠶᠢᠨ ᠠᠷᠭ᠎ᠠ᠄ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠠᠵᠢᠯ ᠣᠶᠢᠯᠠᠰ ᠤᠨ | ᠨᠢᠭᠡᠴᠢ ᠶᠢᠨ ᠬᠠᠣᠯᠢ ᠭᠡᠷᠡᠭᠵᠢᠭᠦᠯᠥᠯᠳᠡ ᠳᠤ ᠬᠠᠨᠳᠣᠭᠤᠯᠣᠭᠰᠠᠨ ᠬᠢᠨᠠᠨ ᠴᠤᠬᠤᠯᠠᠪᠤᠷᠢᠯᠠᠬᠤ ᠡᠷᠭᠡ ᠬᠠᠷᠢᠭᠤᠴᠠᠯᠭ᠎ᠠ ᠶᠢᠨ ᠲᠤᠳᠤᠷᠬᠠᠶᠢᠯᠠᠯ᠃ ᠨᠠᠵᠠᠭᠠᠢ ᠨᠥᠯᠥᠭᠡ | ᠪᠤᠯᠤᠯᠴᠠᠭ᠎ᠠ ᠶᠢᠨ ᠲᠤᠳᠤᠷᠬᠠᠶᠢᠯᠠᠯ᠂ ᠬᠠᠷᠢᠭᠤᠴᠠᠯᠭ᠎ᠠ ᠶᠢᠨ ᠲᠤᠳᠤᠷᠬᠠᠶᠢᠯᠠᠯ᠂ ᠡᠷᠬᠡ ᠶᠢᠨ ᠲᠤᠳᠤᠷᠬᠠᠶᠢᠯᠠᠯ ᠵᠡᠷᠭᠡ ᠶᠢ ᠪᠠᠭᠳᠠᠭᠠᠳᠠᠭ᠃ | 15᠂ ᠭᠤᠷᠪᠠᠨ ᠴᠢᠩᠭ᠎ᠠ᠂ ᠭᠤᠷᠪᠠᠨ ᠪᠣᠳᠠᠳᠠᠢ᠄ ᠰᠤᠷᠳᠠᠯ᠂ ᠡᠷᠭᠡ᠂ ᠰᠠᠬᠢᠯᠭ᠎ᠠ ᠶᠢ ᠴᠢᠩᠭᠠᠳᠬᠠᠬᠤ᠃ ᠪᠤᠳᠠᠳᠠᠢ ᠰᠡᠳᠥᠭᠦ᠂ ᠪᠥᠳᠥᠭᠡᠭᠦ᠂ ᠠᠵᠢᠯᠯᠠᠬᠤ᠃ | | | | | | | | ᠵᠡᠭᠦᠯᠳᠠ᠄ ᠨᠡᠷᠡᠰ ᠲᠠᠶᠢᠯᠪᠣᠷᠢᠯᠠᠯ ᠢ《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠳᠤ ᠢᠯᠡᠷᠡᠭᠰᠡᠨ ᠲᠠᠷᠠᠭᠠᠯᠠᠯ ᠢᠶᠠᠷ ᠵᠢᠭᠰᠠᠭᠠᠪᠠ᠃ |