ᠤᠳᠤᠭ ᠤᠨ ᠡᠮᠥᠨᠡᠳᠤ ᠬᠤᠰᠢᠭᠤᠨ ᠤ 2014 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2015 ᠤᠨ ᠤ ᠡᠳ᠋ ᠤᠨ | ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | —— 2015 ᠤᠨ ᠤ 2 ᠰᠠᠷ᠎ᠠ ᠶᠢᠨ 11 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠣᠭᠡᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2014 ᠤᠨ ᠤ ᠡᠳ᠋ ᠤᠨ ᠵᠠᠰᠠᠭ ᠤᠨ | ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2015 ᠤᠨ ᠤ ᠡᠳ᠋ ᠤᠨ ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ | ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠣᠭᠡᠷ ᠬᠤᠷᠠᠯᠳᠣᠭᠠᠨ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ | ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2014 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2014 ᠤᠨ ᠳᠤ᠂ ᠬᠤᠷᠸ᠎ᠠ ᠡᠵᠡᠮᠰᠢᠯᠳᠣ ᠠᠵᠣ ᠠᠬᠤᠢ ᠶᠢᠨ ᠪᠤᠳᠤᠯᠢᠶᠠᠨ ᠲᠠᠢ ᠣᠷᠴᠢᠨ ᠲᠤᠤᠷ᠎ᠠ ᠮᠡᠨ ᠤ ᠬᠤᠰᠢᠭᠤᠨ ᠤ ᠡᠳ᠋ ᠤᠨ ᠵᠠᠰᠠᠭ ᠤᠨ ᠠᠵᠢᠯ ᠨᠢ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ | ᠶᠢᠨ ᠵᠦᠪᠯᠡᠯᠬᠡᠨ ᠤ ᠪᠥᠳᠥᠮᠵᠢ ᠲᠠᠢ ᠬᠢᠨᠠᠯᠲᠠ ᠳᠤᠤᠷ᠎ᠠ᠂ ᠣᠷᠣᠯᠭ᠎ᠠ ᠶᠢ ᠠᠤᠨᠬᠤᠨ ᠨᠡᠮᠡᠭᠳᠡᠯ ᠢ ᠠᠬᠢᠭᠤᠯᠵᠣ᠂ ᠪᠦᠳᠦᠴᠡ ᠶᠢ ᠲᠣᠬᠢᠷᠠᠭᠤᠯᠣᠨ ᠠᠷᠠᠳ ᠤᠨ | ᠠᠮᠢᠳᠥᠷᠠᠯ ᠢ ᠰᠠᠶᠢᠵᠢᠷᠠᠭᠤᠯᠤᠨ᠂ ᠦᠬᠡᠷᠡᠴᠢᠯᠠᠯᠳᠠ ᠬᠦᠭᠵᠢᠭᠦᠯᠦᠯᠳᠠ ᠶᠢ ᠠᠬᠢᠭᠤᠯᠵᠣ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠥᠢᠯᠡᠰ ᠤᠨ | ᠬᠥᠭᠵᠢᠯᠲᠡ ᠶᠢ ᠭᠥᠴᠥᠲᠡᠢ ᠳᠡᠮᠵᠢᠨ᠂ ᠵᠢᠯ ᠤᠨ ᠳᠥᠰᠥᠪ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠪᠠᠨ ᠨᠡᠯᠢᠶᠡᠳ ᠴᠢᠨᠠᠷᠵᠢᠭᠤᠨ ᠪᠡᠶᠡᠯᠡᠭᠦᠯᠪᠠ᠃ | 2014 ᠤᠨ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ ᠵᠢᠱᠢᠯᠳᠠ ᠪᠠᠷ 28.7 ᠳ᠋ᠦᠩᠰᠢᠭᠤᠷ ᠲᠥᠭᠦᠷᠢᠭ ᠪᠡᠶᠡᠯᠡᠬᠦᠯᠪᠡ᠂ ᠡᠭᠦᠨ ᠳᠤ | ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 14.7 ᠳ᠋ᠦᠩᠰᠢᠭᠤᠷ ᠲᠥᠭᠦᠷᠢᠭ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ | ᠤᠷᠤᠯᠭ᠎ᠠ 11.39 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 2.61 ᠳ᠋ᠦᠩᠰᠢᠭᠤᠷ ᠲᠦᠭᠦᠷᠢᠭ︔ ᠬᠤᠰᠢᠭᠤ ᠲᠤᠰ ᠱᠠᠳᠤᠨ ᠤ | ᠡᠯ᠎ᠡ ᠲᠠᠯ᠎ᠠ ᠶᠢᠨ ᠵᠠᠷᠤᠯᠭ᠎ᠠ ᠵᠢᠱᠢᠯᠳᠠ ᠪᠠᠷ 23.87 ᠳ᠋ᠦᠩᠰᠢᠭᠤᠷ ᠲᠥᠭᠦᠷᠢᠭ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 23. | 64 ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0.03 ᠳ᠋ᠦᠩᠰᠢᠭᠤᠷ ᠲᠥᠭᠦᠷᠢᠭ᠂ ᠰᠢᠢᠳᠪᠦᠷᠢᠯᠡᠭᠰᠡᠨ ᠦᠷᠢ ᠦᠭᠴᠡᠭᠡ 0.2 ᠳ᠋ᠦᠩᠰᠢᠭᠤᠷ | ᠲᠦᠭᠦᠷᠢᠭ︔ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 4.83 ᠳ᠋ᠦᠩᠰᠢᠭᠤᠷ ᠲᠦᠬᠦᠷᠢᠭ᠃ | 2014 ᠤᠨ ᠤ ᠪᠥᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 14.7 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 26.04% ᠪᠠᠷ ᠨᠡᠮᠡᠭᠳᠡᠪᠡ᠂ ᠡᠬᠦᠨ ᠳᠤ ᠱᠠᠩᠬᠠᠢ ᠶᠢᠨ ᠰᠦᠮ᠎ᠡ ᠨᠡᠬᠡᠬᠡᠯᠲᠡ ᠶᠢᠨ ᠣᠷᠣᠨ ᠤ ᠣᠷᠣᠯᠭ᠎ᠠ0.62 ᠳ᠋ᠦᠩᠰᠢᠭᠤᠷ | ᠲᠥᠭᠦᠷᠢᠭ᠃ | ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠳᠠᠪᠣᠨ ᠶᠡᠭᠡ ᠭᠤᠣᠯ ᠴᠣᠭᠴᠠ | ᠶᠢᠨ ᠭᠠᠶᠢᠯᠢ ᠶᠢᠨ ᠳᠦᠷᠥᠯ 2.75 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠳᠥᠰᠥᠪ ᠤᠨ ᠣᠷᠣᠯᠭ᠎ᠠ ᠶᠢᠨ 18.69% ᠶᠢ ᠡᠵᠡᠯᠡᠵᠣ᠂ ᠠᠳᠠᠯᠢ | ᠬᠤᠭᠤᠴᠠᠭᠠᠨ ᠤ ᠬᠢ ᠠᠴᠠ0.17 ᠳ᠋ᠦᠩᠰᠢᠭᠤᠷ ᠳᠦᠭᠦᠷᠢᠭ ᠪᠠᠭᠤᠷᠡᠵᠣ᠂ 5.82% ᠢᠶᠠᠷ ᠪᠠᠭᠤᠷᠠᠪᠠ᠃ ᠡᠬᠦᠨ ᠳᠤ ᠦᠷᠲᠡᠭ ᠤᠨ ᠨᠡᠮᠡᠭᠳᠡᠯ ᠭᠠᠶᠢᠯᠢ 0.57 | ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ20.03% ᠪᠠᠷ ᠪᠠᠭᠤᠷᠠᠪᠠ︔ ᠡᠵᠡᠩᠨᠡᠯᠲᠡ ᠶᠢᠨ ᠭᠠᠶᠢᠯᠢ 1.55 ᠳ᠋ᠦᠩᠰᠢᠭᠤᠷ ᠲᠥᠭᠦᠷᠢᠭ᠂ | ᠠᠳᠠᠯᠢ ᠬᠤᠭᠤᠴᠠᠭᠠᠨ ᠤ ᠬᠢ ᠠᠴᠠ 1.98% ᠪᠠᠷ ᠨᠡᠮᠡᠭᠳᠡᠪᠡ︔ ᠠᠵᠣ ᠠᠬᠤᠶᠢᠯᠠᠯ ᠤᠨ ᠣᠯᠵᠠᠪᠣᠷᠢ ᠶᠢᠨ ᠭᠠᠶᠢᠯᠢ 0.19 ᠳ᠋ᠦᠩᠰᠢᠭᠤᠷ ᠲᠥᠭᠦᠷᠢᠭ᠂ ᠠᠳᠠᠯᠢ | ᠬᠤᠭᠤᠴᠠᠭᠠᠨ ᠤ ᠬᠢ ᠠᠴᠠ 30.91% ᠪᠠᠷ ᠪᠠᠭᠤᠷᠠᠪᠠ︔ ᠬᠤᠪᠢ ᠬᠦᠮᠦᠨ ᠤ ᠣᠯᠵᠠᠪᠣᠷᠢ ᠶᠢᠨ ᠭᠠᠶᠢᠯᠢ 0.1 ᠳ᠋ᠦᠩᠰᠢᠭᠤᠷ ᠲᠥᠭᠦᠷᠢᠭ᠂ ᠠᠳᠠᠯᠢ | ᠬᠤᠭᠤᠴᠠᠭᠠᠨ ᠤ ᠬᠢ ᠠᠴᠠ9.23% ᠪᠠᠷ ᠪᠠᠭᠤᠷᠠᠪᠠ︔ ᠡᠬᠢ ᠪᠠᠶᠠᠯᠢᠭ ᠤᠨ ᠭᠠᠶᠢᠯᠢ0.34 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ | 11.28% ᠪᠠᠷ ᠨᠡᠮᠡᠭᠳᠡᠪᠡ᠃ | ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠣᠯᠣᠰ ᠤᠨ ᠭᠠᠶᠢᠯᠢ ᠶᠢᠨ ᠰᠠᠯᠠᠭ᠎ᠠ ᠮᠦᠴᠢᠷ 0.69 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠵᠢᠯ ᠤᠨ ᠳᠥᠰᠥᠪ ᠤᠨ 72.72% ᠢ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ0.16 ᠳ᠋ᠦᠩᠰᠢᠭᠤᠷ ᠳᠦᠭᠦᠷᠢᠭ ᠪᠠᠭᠤᠷᠡᠵᠣ᠂ 19. | 28% ᠪᠠᠷ ᠪᠠᠭᠤᠷᠠᠪᠠ᠃ ᠣᠷᠣᠨ ᠨᠣᠳᠤᠭ ᠤᠨ ᠭᠠᠶᠢᠯᠢ ᠶᠢᠨ ᠰᠠᠯᠠᠭ᠎ᠠ ᠮᠦᠴᠢᠷ 9.93 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ | 134.63 % ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ3.22 ᠳ᠋ᠦᠩᠰᠢᠭᠤᠷ ᠲᠥᠭᠦᠷᠢᠭ ᠨᠡᠮᠡᠭᠳᠡᠵᠣ᠂ 47.93% ᠪᠠᠷ ᠨᠡᠮᠡᠭᠳᠡᠪᠠ︔ ᠡᠳ᠋ | ᠤᠨ ᠵᠠᠰᠠᠭ ᠤᠨ ᠰᠠᠯᠠᠭ᠎ᠠ ᠮᠦᠴᠢᠷ 4.08 ᠳ᠋ᠦᠩᠰᠢᠭᠤᠷ ᠲᠥᠭᠦᠷᠢᠭ ᠪᠡᠶᠡᠯᠡᠭᠦᠯᠵᠣ᠂ ᠵᠢᠯ ᠤᠨ ᠳᠥᠰᠥᠪ ᠤᠨ90.54 % ᠶᠢ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ0.02 ᠳ᠋ᠦᠩᠰᠢᠭᠤᠷ ᠲᠥᠭᠦᠷᠢᠭ ᠪᠠᠭᠤᠷᠠᠵᠣ᠂ 0.4% ᠪᠠᠷ ᠪᠠᠭᠤᠷᠠᠪᠠ᠃ | ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠨᠡᠬᠦᠷᠡᠰᠣᠨ ᠠᠵᠢᠯ ᠲᠦᠷᠦᠯ 0.38 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠡᠶᠢᠳᠡ ᠶᠢᠨ ᠡᠳ᠋ ᠤᠨ | ᠵᠠᠰᠠᠭ ᠤᠨ ᠳᠥᠰᠥᠪ ᠤᠨ ᠤᠷᠤᠯᠭ᠎ᠠ ᠶᠢᠨ 2.56 % ᠶᠢ ᠡᠵᠡᠯᠡᠵᠣ᠂ 51.07 % ᠪᠠᠷ ᠪᠠᠭᠤᠷᠠᠪᠠ︔ ᠰᠢᠲᠠᠮᠠᠬᠠᠢ ᠬᠡᠢ 5.61 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ ᠶᠢᠨ 38.16 % ᠶᠢ ᠡᠵᠡᠯᠡᠵᠣ᠂ 383.15 % ᠪᠠᠷ ᠨᠡᠮᠡᠭᠳᠡᠪᠠ︔ ᠴᠡᠬᠢᠯᠭᠠᠨ | ᠬᠦᠴᠣᠨ ᠤ ᠠᠵᠢᠯ ᠲᠦᠷᠦᠯ 0.16 ᠳ᠋ᠦᠩᠰᠢᠭᠤᠷ ᠳᠦᠭᠦᠷᠢᠭ ᠪᠡᠶᠡᠯᠡᠭᠦᠯᠵᠣ᠂ 41.02 % ᠪᠠᠷ ᠨᠡᠮᠡᠭᠳᠡᠪᠠ︔ ᠪᠠᠷᠢᠯᠭ᠎ᠠ ᠶᠢᠨ ᠠᠵᠢᠯ ᠲᠦᠷᠦᠯ 1.33 | ᠳ᠋ᠦᠩᠰᠢᠭᠤᠷ ᠳᠦᠭᠦᠷᠢᠭ ᠪᠡᠶᠡᠯᠡᠭᠦᠯᠵᠣ᠂ 6.52 % ᠪᠠᠷ ᠨᠡᠮᠡᠭᠳᠡᠪᠠ︔ ᠵᠠᠮ ᠲᠡᠬᠡᠬᠡᠪᠣᠷᠢ ᠶᠢᠨ ᠦᠢᠯᠡᠰ 0.04 ᠳ᠋ᠦᠩᠰᠢᠭᠤᠷ ᠳᠦᠭᠦᠷᠢᠭ ᠪᠡᠶᠡᠯᠡᠭᠦᠯᠵᠣ᠂ 37. | 06 % ᠪᠠᠷ ᠨᠡᠮᠡᠭᠳᠡᠪᠠ︔ ᠬᠡᠷ ᠬᠦᠷᠦᠩᠬᠡ ᠶᠢᠨ ᠠᠵᠢᠯ ᠲᠦᠷᠦᠯ 0.26 ᠳ᠋ᠦᠩᠰᠢᠭᠤᠷ ᠳᠦᠭᠦᠷᠢᠭ ᠪᠡᠶᠡᠯᠡᠭᠦᠯᠵᠣ᠂ 275.36 % ᠪᠠᠷ ᠨᠡᠮᠡᠭᠳᠡᠪᠠ︔ ᠪᠦᠬᠡᠮ | ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.38 ᠳ᠋ᠦᠩᠰᠢᠭᠤᠷ ᠳᠦᠭᠦᠷᠢᠭ ᠪᠡᠶᠡᠯᠡᠭᠦᠯᠵᠣ᠂ 22.56 % ᠪᠠᠷ ᠪᠠᠭᠤᠷᠠᠪᠠ︔ ᠦᠢᠯᠡᠴᠢᠯᠡᠬᠡᠨ ᠤ ᠦᠢᠯᠡᠰ 1. | 52 ᠳ᠋ᠦᠩᠰᠢᠭᠤᠷ ᠳᠦᠭᠦᠷᠢᠭ ᠪᠡᠶᠡᠯᠡᠭᠦᠯᠵᠣ᠂ 58.24 % ᠪᠠᠷ ᠪᠠᠭᠤᠷᠠᠪᠠ︔ ᠮᠦᠩᠬᠦᠨ ᠬᠦᠢᠯᠬᠡᠬᠡᠨ ᠤ ᠦᠢᠯᠡᠰ 0.15 ᠳ᠋ᠦᠩᠰᠢᠭᠤᠷ ᠳᠦᠭᠦᠷᠢᠭ | ᠪᠡᠶᠡᠯᠡᠭᠦᠯᠵᠣ᠂ 28.79 % ᠪᠠᠷ ᠨᠡᠮᠡᠭᠳᠡᠪᠠ︔ ᠪᠣᠰᠣᠳ ᠠᠵᠢᠯ ᠲᠦᠷᠦᠯ 4.87 ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ | ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ ᠪᠡᠶᠡᠯᠡᠭᠦᠯᠵᠣ᠂ 19.07 % ᠪᠠᠷ ᠨᠡᠮᠡᠭᠳᠡᠪᠠ᠃ | 2014 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠣᠯᠭ᠎ᠠ 23.64 ᠳ᠋ᠦᠩᠰᠢᠭᠤᠷ ᠲᠦᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.78% ᠪᠠᠷ ᠪᠠᠭᠤᠷᠠᠪᠠ᠂ ᠡᠭᠦᠨ ᠳᠤ᠄ ᠬᠤᠰᠢᠭᠤ ᠲᠣᠰ ᠱᠠᠳᠣᠨ ᠤ ᠵᠠᠷᠣᠯᠭ᠎ᠠ 21 ᠳ᠋ᠦ᠋ᠩᠰᠢᠭᠤᠷ ᠲᠦᠭᠦᠷᠢᠭ᠂ ᠱᠠᠩᠬᠠᠢ ᠶᠢᠨ | ᠰᠦᠮ᠎ᠡ ᠨᠡᠬᠡᠬᠡᠯᠲᠡ ᠶᠢᠨ ᠣᠷᠣᠨ ᠤ ᠵᠠᠷᠣᠯᠭ᠎ᠠ 0.75 ᠳ᠋ᠦᠩᠰᠢᠭᠤᠷ ᠲᠥᠭᠦᠷᠢᠭ᠂ ᠪᠠᠯᠭᠠᠰᠦ ᠱᠠᠳᠦᠨ ᠤ ᠵᠠᠷᠣᠯᠭ᠎ᠠ 1.89 ᠳ᠋ᠦᠩᠰᠢᠭᠤᠷ ᠲᠦᠭᠦᠷᠢᠭ᠃ | 2014 ᠤᠨ ᠳᠤ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠥᠩᠭᠦ ᠶᠢᠨ ᠤᠷᠤᠯᠭ᠎ᠠ 1.13 ᠳ᠋ᠦᠩᠰᠢᠭᠤᠷ ᠲᠥᠭᠦᠷᠢᠭ ᠬᠦᠷᠴᠦ᠂ ᠰᠠᠭᠤᠷᠢ ᠮᠥᠩᠭᠦ ᠶᠢᠨ | ᠵᠠᠷᠤᠯᠭ᠎ᠠ1.32 ᠳ᠋ᠦᠩᠰᠢᠭᠤᠷ ᠲᠥᠭᠦᠷᠢᠭ ︵ᠡᠬᠦᠨ ᠳᠤ ᠳᠡᠬᠡᠳᠤ ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.19 ᠳ᠋ᠦᠩᠰᠢᠭᠤᠷ ᠲᠦᠬᠦᠷᠢᠭ︶᠂ | ᠦᠯᠡᠳᠡᠪᠤᠷᠢ 0.86 ᠳ᠋ᠦᠩᠰᠢᠭᠤᠷ ᠲᠦᠬᠦᠷᠢᠭ︔ ᠨᠡᠶᠢᠬᠡᠮ ᠤᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠤᠷᠤᠯᠭ᠎ᠠ ᠵᠠᠷᠤᠯᠭ᠎ᠠ 1.83 ᠳ᠋ᠦᠩᠰᠢᠭᠤᠷ ᠲᠥᠭᠦᠷᠢᠭ ᠢ | ᠪᠡᠶᠡᠯᠡᠬᠦᠯᠪᠠ᠃ | 2014 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄ | ︵ᠨᠢᠭᠡ︶ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠪᠡᠯᠡ ᠮᠦᠩᠬᠦ ᠶᠢᠨ ᠵᠢᠯᠣᠭᠤᠳᠣᠮᠵᠢ ᠶᠢ ᠬᠠᠮᠲᠣᠳᠬᠠᠨ ᠲᠣᠪᠣᠶᠢᠯᠭᠠᠵᠣ᠂ ᠠᠵᠣ ᠠᠬᠤᠢ ᠶᠢᠨ | ᠬᠡᠯᠪᠡᠷᠢ ᠶᠢ ᠬᠤᠪᠢᠷᠠᠭᠤᠯᠣᠨ ᠬᠦᠭᠵᠢᠬᠦᠯᠬᠦ ᠳᠤ ᠲᠣᠯᠭᠠᠭᠤᠷᠢᠯᠠᠯ ᠬᠠᠩᠭᠠᠪᠠ᠃ ᠲᠡᠭᠡᠳᠤ ᠱᠠᠳᠣᠨ ᠤ ᠡᠳ᠋ ᠤᠨ ᠵᠠᠰᠠᠭ ᠤᠨ ᠪᠤᠳᠤᠯᠭ᠎ᠠ ᠶᠢ ᠰᠠᠨᠠᠭᠠᠴᠢᠯᠠᠭᠠᠳᠠᠢ | ᠰᠤᠳᠤᠯᠤᠨ᠂ ᠲᠡᠭᠡᠳᠤ ᠱᠠᠳᠤᠨ ᠤ ᠡᠳ᠋ ᠤᠨ ᠵᠠᠰᠠᠭ ᠤᠨ ᠲᠥᠷᠥᠯ ᠵᠥᠢᠯ ᠪᠤᠯᠤᠨ ᠪᠡᠯᠡ ᠮᠥᠩᠭᠦᠨ ᠤ ᠲᠡᠮᠵᠢᠯᠭᠡ ᠶᠢ ᠲᠡᠮᠡᠴᠡᠡ ᠤᠯᠵᠤ᠂ ᠡᠯ᠎ᠡ ᠪᠠᠯᠭᠠᠰᠤ ᠪᠤᠯᠤᠨ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢ ᠬᠠᠪᠰᠤᠷᠠᠨ ᠡᠳ᠋ ᠤᠨ ᠵᠠᠰᠠᠭ ᠤᠨ ᠪᠡᠯᠡ ᠮᠥᠩᠭᠦ ᠤᠯᠤᠭᠤᠯᠤᠨ᠂ ᠪᠥᠭᠦ ᠬᠤᠰᠢᠭᠤᠨ ᠤ ᠭᠤᠤᠯᠳᠠᠯᠭᠠᠳᠤ | ᠲᠥᠷᠥᠯ ᠵᠦᠢᠯ ᠪᠤᠯᠤᠨ ᠡᠳ᠋ ᠤᠨ ᠵᠠᠰᠠᠭ ᠤᠨ ᠪᠡᠯᠡ ᠮᠥᠩᠭᠦ ᠲᠤᠳᠠᠭᠳᠠᠵᠤ ᠪᠠᠶᠢᠭ᠎ᠠ ᠭᠥᠴᠢᠷᠳᠡᠯ ᠢ ᠪᠥᠳᠥᠮᠵᠢᠳᠡᠢ ᠨᠠᠮᠳᠠᠭᠠᠪᠠ᠃ ᠡᠳ᠋ ᠤᠨ ᠵᠠᠰᠠᠭ ᠠᠴᠠ ᠲᠣᠮᠳᠠ | ᠪᠠᠭ᠎ᠠ ᠵᠢᠵᠢᠭᠠᠵᠣ ᠠᠬᠤᠶᠢᠯᠠᠯ ᠢ ᠬᠦᠭᠵᠢᠬᠦᠯᠬᠦ ᠂ ᠡᠨᠧᠷᠬᠢ ᠠᠷᠪᠢᠯᠠᠬᠤ᠂ ᠠᠵᠣ ᠠᠬᠤᠶᠢᠯᠠᠯ ᠤᠨ ᠮᠡᠷᠬᠡᠵᠢᠯ ᠰᠢᠨᠡᠴᠢᠯᠡᠯᠲᠡ ᠶᠢᠨ ᠲᠣᠰᠬᠠᠢ ᠪᠡᠯᠡ ᠮᠦᠩᠬᠦ ᠵᠡᠷᠬᠡ | ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠬᠦᠭᠵᠢᠬᠦᠯᠬᠦ ᠲᠣᠰᠬᠠᠢ ᠪᠡᠯᠡ ᠮᠦᠩᠬᠦ ᠶᠢ ᠨᠡᠶᠢᠲᠡ 125 ᠲᠦᠮᠡᠨ ᠲᠦᠬᠦᠷᠢᠭ ᠲᠣᠬᠢᠷᠠᠭᠤᠯᠵᠣ᠂ ᠡᠯ᠎ᠡ | ᠲᠦᠷᠦᠯ ᠤᠨ ᠠᠵᠣ ᠠᠬᠤᠶᠢᠯᠠᠯ ᠤᠨ ᠬᠦᠭᠵᠢᠯᠳᠠ ᠶᠢ ᠲᠡᠮᠵᠢᠪᠡ᠃ ᠡᠵᠡᠩᠨᠡᠯᠲᠡ ᠶᠢᠨ ᠭᠠᠶᠢᠯᠢ ᠶᠢ ᠥᠷᠳᠡᠭ ᠤᠨ ᠨᠡᠮᠡᠭᠳᠡᠯ ᠭᠠᠶᠢᠯᠢ ᠪᠤᠯᠭᠠᠨ ᠥᠭᠡᠷᠡᠴᠢᠯᠠᠬᠦ᠂ | ᠥᠷᠳᠡᠭ ᠤᠨ ᠨᠡᠮᠡᠭᠳᠡᠯ ᠭᠠᠶᠢᠯᠢ ᠶᠢᠨ ᠡᠬᠢᠯᠡᠮᠲᠡ ᠶᠢ ᠲᠡᠬᠡᠭᠰᠢᠯᠡᠬᠦᠯᠬᠦ᠂ ᠣᠯᠵᠠᠪᠣᠷᠢ ᠶᠢᠨ ᠭᠠᠶᠢᠯᠢ ᠶᠢᠨ ᠬᠠᠷᠠᠭᠠᠯᠵᠠᠯ᠂ ᠵᠠᠰᠠᠭ ᠵᠠᠬᠢᠷᠭ᠎ᠠ ᠠᠵᠢᠯ ᠦᠢᠯᠡᠰ ᠤᠨ | ᠴᠢᠨᠠᠷᠲᠠᠢ ᠡᠯ᠎ᠡ ᠲᠦᠷᠦᠯ ᠤᠨ ᠬᠤᠷᠢᠶᠠᠬᠤ ᠵᠠᠷᠣᠳᠠᠯ ᠢ ᠬᠠᠰᠣᠨ ᠬᠡᠯᠳᠣᠷᠢᠬᠦᠯᠬᠦ ᠵᠡᠷᠬᠡ ᠪᠦᠲᠣᠴᠡ ᠶᠢᠨ ᠴᠢᠨᠠᠷᠲᠠᠢ ᠭᠠᠶᠢᠯᠢ ᠬᠠᠰᠣᠬᠤ ᠲᠦᠷᠦ ᠶᠢᠨ ᠪᠣᠳᠣᠯᠭ᠎ᠠ ᠶᠢ | ᠦᠷᠬᠦᠯᠵᠢᠯᠡᠨ ᠰᠠᠶᠢᠲᠣᠷ ᠨᠠᠶᠢᠲᠠᠪᠣᠷᠢᠵᠢᠭᠤᠯᠵᠣ᠂ ᠵᠢᠵᠢᠭ ᠪᠠᠭ᠎ᠠ ᠠᠵᠣ ᠠᠬᠤᠶᠢᠯᠠᠯ ᠤᠨ ᠭᠠᠶᠢᠯᠢ ᠵᠠᠷᠣᠳᠠᠯ ᠤᠨ ᠲᠠᠷᠣᠭᠠᠰᠣ ᠶᠢ ᠬᠦᠩᠬᠡᠯᠡᠪᠡ᠃ | ︵ᠬᠤᠶᠠᠷ︶ ᠬᠠᠣᠯᠢ ᠶᠣᠰᠣᠭᠠᠷ ᠲᠠᠳᠠᠪᠣᠷᠢᠯᠠᠨ ᠬᠠᠮᠢᠶᠠᠷᠬᠤ ᠪᠠ ᠭᠠᠶᠢᠯᠢ ᠶᠢᠨ ᠶᠠᠪᠣᠳᠠᠯ ᠢ ᠬᠠᠮᠵᠢᠨ ᠬᠠᠮᠠᠭᠠᠯᠠᠬᠤ ᠬᠤᠣᠰ ᠪᠠᠲᠣᠯᠠᠭ᠎ᠠ ᠶᠢ | ᠲᠣᠪᠣᠶᠢᠯᠭᠠᠵᠣ᠂ ᠡᠳ᠋ ᠤᠨ ᠵᠠᠰᠠᠭ ᠤᠨ ᠣᠷᠣᠯᠭ᠎ᠠ ᠶᠢᠨ ᠬᠡᠪᠴᠢᠶᠡᠵᠢᠯ ᠰᠢᠨ᠎ᠡ ᠰᠢᠪᠲᠣᠯᠣᠯᠲᠠ ᠲᠠᠢ ᠪᠣᠯᠪᠠ᠃ ᠢᠳᠡᠪᠬᠢᠲᠡᠢ ᠪᠠᠷ ᠳᠠᠯᠳᠠ ᠬᠦᠴᠤᠨ ᠢ ᠠᠭᠤᠳᠠᠯᠠᠨ | ᠤᠷᠤᠯᠭ᠎ᠠ ᠶᠢ ᠨᠡᠮᠡᠭᠳᠡᠬᠦᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠢ ᠡᠳ᠋ ᠤᠨ ᠵᠠᠰᠠᠭ ᠤᠨ ᠬᠦᠭᠵᠢᠯᠲᠡ ᠶᠢᠨ ᠲᠡᠷᠢᠬᠦᠨ ᠴᠢᠬᠤᠯᠠ ᠡᠬᠦᠷᠬᠡ ᠪᠣᠯᠭᠠᠵᠣ | ᠂ ᠣᠷᠣᠯᠭ᠎ᠠ ᠶᠢᠨ ᠠᠵᠢᠯᠯᠠᠮᠵᠢ ᠶᠢᠨ ᠵᠠᠳᠠᠯᠣᠯᠲᠠ ᠶᠢ ᠴᠢᠩᠭᠠᠳᠬᠠᠨ᠂ ᠣᠷᠣᠯᠭ᠎ᠠ ᠵᠣᠬᠢᠴᠠᠭᠤᠯᠬᠤ ᠠᠵᠢᠯ ᠢ ᠡᠷᠴᠢᠮᠵᠢᠬᠦᠯᠵᠣ᠂ ᠡᠳ᠋ ᠤᠨ ᠢᠷᠡᠯᠲᠡ ᠶᠢᠨ | ᠪᠠᠶᠢᠭᠤᠯᠣᠯᠲᠠ ᠶᠢ ᠢᠳᠡᠪᠬᠢᠲᠡᠢ ᠦᠷᠨᠢᠬᠦᠯᠵᠣ᠂ ᠬᠠᠤᠯᠢ ᠶᠤᠰᠤ ᠪᠠᠷ ᠳᠠᠳᠠᠪᠤᠷᠢᠯᠠᠨ ᠬᠠᠮᠢᠶᠠᠷᠬᠤ ᠶᠢ ᠴᠢᠩᠭᠠᠤᠨᠬᠠᠵᠤ᠂ ᠰᠢᠨᠵᠢᠯᠡᠬᠦ ᠤᠬᠠᠭᠠᠨᠴᠢ ᠰᠢᠨᠡᠴᠢᠯᠡᠯ ᠲᠠᠢ | ᠳᠠᠳᠠᠪᠤᠷᠢᠯᠠᠨ ᠬᠠᠮᠢᠶᠠᠷᠬᠤ ᠠᠷᠭ᠎ᠠ ᠠᠪᠴᠠᠯ ᠢ ᠲᠣᠭᠲᠠᠭᠠᠨ᠂ ᠭᠠᠶᠢᠯᠢ ᠶᠢᠨ ᠪᠤᠰᠤ ᠤᠷᠤᠯᠭ᠎ᠠ ᠳᠠᠳᠠᠪᠤᠷᠢᠯᠠᠬᠤ ᠵᠤᠬᠢᠴᠠᠮᠵᠢ ᠶᠢ ᠳᠡᠬᠦᠯᠳᠡᠷᠵᠢᠬᠦᠯᠵᠤ᠂ ᠶᠡᠷᠣᠩᠬᠡᠶᠢᠯᠡᠨ | ᠪᠠᠶᠢᠷᠢᠯᠠᠭᠤᠯᠵᠣ ᠬᠠᠮᠲᠣᠪᠡᠷ ᠠᠳᠬᠤᠬᠤ ᠨᠡᠶᠢᠬᠡᠮ ᠤᠨ ᠶᠡᠷᠣᠩᠬᠡᠶᠢᠯᠡᠭᠰᠡᠨ ᠭᠠᠶᠢᠯᠢ ᠵᠠᠰᠠᠯᠲᠠ ᠶᠢᠨ ᠪᠠᠶᠢᠳᠠᠯ ᠢ ᠪᠦᠷᠢᠯᠳᠣᠬᠦᠯᠵᠣ᠂ ᠭᠠᠶᠢᠯᠢ ᠭᠤᠭᠤᠵᠢᠵᠣ ᠬᠡᠬᠡᠭᠳᠡᠬᠦ ᠶᠢ | ᠦᠨᠳᠣᠰᠣᠨ ᠠᠴᠠ ᠨᠢ ᠲᠠᠰᠣᠯᠵᠣ᠂ ᠭᠠᠶᠢᠯᠢ ᠵᠠᠷᠣᠳᠠᠯ᠂ ᠶᠡᠭᠡ ᠪᠠᠭ᠎ᠠ ᠶᠢ ᠬᠠᠮᠲᠣ ᠠᠳᠬᠤᠬᠤ ᠶᠢ ᠪᠠᠷᠢᠮᠲᠠᠯᠠᠵᠣ᠂ ᠬᠤᠷᠢᠶᠠᠬᠤ ᠶᠤᠰᠤ ᠲᠠᠢ ᠪᠦᠬᠦᠨ ᠢ ᠬᠤᠷᠢᠶᠠᠨ᠂ | ᠡᠳ᠋ ᠤᠨ ᠵᠠᠰᠠᠭ ᠤᠨ ᠤᠷᠤᠯᠭ᠎ᠠ ᠶᠢ ᠦᠷᠬᠦᠯᠵᠢᠯᠠᠨ ᠳᠤᠭᠳᠠᠭᠤᠨ ᠢᠶᠠᠷ ᠨᠡᠮᠡᠭᠳᠡᠬᠦᠯᠪᠡ᠃ | ︵ᠭᠤᠷᠪᠠ︶ ᠠᠷᠠᠳ ᠢ ᠬᠠᠷᠠᠭᠠᠯᠵᠠᠬᠤ ᠪᠡᠯᠡ ᠮᠦᠩᠬᠦ ᠪᠠ ︽ᠭᠤᠷᠪᠠᠨ ᠠᠯᠪᠠᠨ ᠵᠠᠷᠣᠳᠠᠯ︾ ᠤᠨ ᠬᠤᠣᠰ ᠵᠢᠯᠣᠭᠤᠳᠣᠮᠵᠢ ᠶᠢ ᠲᠣᠪᠣᠶᠢᠯᠭᠠᠵᠣ᠂ ᠠᠷᠠᠳ ᠢ | ᠬᠠᠷᠠᠭᠠᠯᠵᠠᠬᠤ ᠦᠢᠯᠡᠰ ᠲᠤ ᠪᠦᠲᠦᠮᠵᠢᠲᠣ ᠪᠠᠳᠣᠯᠠᠭ᠎ᠠ ᠬᠠᠩᠭᠠᠪᠠ᠃ ᠵᠠᠷᠣᠯᠭ᠎ᠠ ᠶᠢᠨ ᠪᠦᠲᠦᠴᠡ ᠲᠡᠬᠡᠷ᠎ᠡ ᠪᠠᠲᠣᠯᠠᠬᠤ ᠪᠠ ᠪᠠᠭᠠᠰᠬᠠᠬᠤ ᠶᠢ ᠪᠠᠷᠢᠮᠲᠠᠯᠠᠨ᠂ ᠠᠷᠠᠳ | ᠢ ᠬᠠᠷᠠᠭᠠᠯᠵᠠᠬᠤ ᠵᠠᠷᠣᠯᠭ᠎ᠠ ᠶᠢ ᠡᠩ ᠲᠡᠷᠢᠬᠦᠨ ᠳᠤ ᠨᠢ ᠪᠠᠲᠣᠯᠠᠵᠣ᠂ ︽ᠭᠤᠷᠪᠠᠨ ᠠᠯᠪᠠᠨ ᠵᠠᠷᠣᠳᠠᠯ︾ ᠢ ᠦᠷᠬᠦᠯᠵᠢᠯᠡᠨ ᠪᠠᠭᠠᠰᠬᠠᠵᠣ᠂ ︽ᠠᠷᠠᠳ ᠢ ᠬᠠᠷᠠᠭᠠᠯᠵᠠᠬᠤ | ᠡᠳ᠋ ᠤᠨ ᠵᠠᠰᠠᠭ︾ ᠢ ᠴᠢᠷᠮᠡᠶᠢᠨ ᠪᠠᠶᠢᠭᠤᠯᠪᠠ᠃ ᠠᠷᠠᠳ ᠤᠨ ᠠᠮᠢᠳᠣᠷᠠᠯ ᠤᠨ ᠬᠡᠷᠡᠭᠴᠡᠭᠡ ᠶᠢ ᠦᠨᠡᠨ ᠬᠦ ᠪᠠᠳᠣᠯᠠᠵᠣ᠂ ᠪᠦᠬᠦ ᠵᠢᠯ ᠳᠤ ᠠᠷᠠᠤᠨ ᠤᠨ ᠠᠮᠢᠳᠤᠷᠠᠯ ᠳᠤ | 19.53 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠶᠡᠷᠤᠩᠬᠡᠢ ᠵᠠᠷᠤᠯᠭ᠎ᠠ ᠶᠢᠨ82.6% ᠶᠢ ᠡᠵᠡᠯᠡᠪᠠ᠃ ᠰᠣᠷᠭᠠᠨ ᠬᠦᠮᠦᠵᠢᠯ᠂ ᠨᠡᠶᠢᠬᠡᠮ ᠤᠨ ᠪᠠᠳᠣᠯᠠᠭ᠎ᠠ᠂ ᠡᠮ | ᠡᠮᠨᠡᠯᠬᠡ ᠡᠷᠡᠬᠦᠯ ᠬᠠᠮᠠᠭᠠᠯᠠᠯ᠂ ᠣᠷᠴᠢᠨ ᠬᠠᠮᠠᠭᠠᠯᠠᠯᠲᠠ᠂ ᠣᠷᠣᠨ ᠰᠠᠭᠤᠴᠠ᠂ ᠮᠠᠯ ᠲᠠᠷᠢᠶᠠᠯᠠᠩ ᠣᠢ ᠰᠢᠭᠤᠢ ᠣᠰᠣᠨ ᠶᠠᠪᠣᠳᠠᠯ᠂ ᠣᠯᠠᠨ ᠨᠡᠶᠢᠲᠡ ᠶᠢᠨ ᠠᠮᠣᠷ | ᠲᠦᠪᠰᠢᠨ᠂ ᠨᠡᠶᠢᠬᠡᠮ ᠲᠣᠭᠤᠷᠢᠭ ᠤᠨ ᠶᠠᠪᠣᠳᠠᠯ ᠵᠡᠷᠬᠡ ᠬᠤᠲᠠ ᠬᠦᠳᠡᠭᠡ ᠶᠢᠨ ᠨᠡᠶᠢᠲᠡ ᠶᠢᠨ ᠦᠢᠯᠡᠴᠢᠯᠡᠬᠡᠨ ᠤ ᠵᠠᠷᠣᠯᠭ᠎ᠠ ᠶᠢᠨ ᠬᠡᠷᠡᠭᠴᠡᠭᠡ ᠶᠢ ᠲᠡᠷᠢᠬᠦᠨ ᠳᠤ ᠨᠢ | ᠪᠠᠳᠣᠯᠠᠪᠠ᠃ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠲᠤᠤᠷ᠎ᠠ ᠪᠠᠲᠤᠯᠠᠭ᠎ᠠ᠂ ᠰᠢᠨ᠎ᠠ ᠮᠠᠶ᠋ᠢᠭ ᠤᠨ ᠬᠤᠷᠰᠢᠭᠰᠡᠨ ᠡᠮ ᠡᠮᠨᠡᠯᠬᠡ ᠶᠢᠨ ᠪᠡᠯᠡ | ᠬᠤᠷᠠᠮᠳᠣᠭᠤᠯᠬᠤ ᠪᠠᠷᠢᠮᠵᠢᠶ᠎ᠠ ᠵᠡᠷᠬᠡ ᠪᠠᠳᠣᠯᠠᠭ᠎ᠠ ᠶᠢᠨ ᠲᠦᠪᠰᠢᠨ ᠢ ᠣᠯᠠᠮ ᠲᠡᠬᠡᠭᠰᠢᠯᠡᠬᠦᠯᠵᠣ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠣᠰᠣᠨ | ᠨᠠᠰᠤᠵᠢᠯ ᠤᠨ ᠳᠠᠭᠠᠳᠬᠠᠯ ᠤᠨ ᠨᠦᠬᠦᠪᠣᠷᠢ ᠶᠢ ᠬᠦᠮᠦᠨ ᠲᠣᠳᠣᠮ ᠰᠠᠷ᠎ᠠ ᠪᠦᠷᠢ 250 ᠲᠦᠬᠦᠷᠢᠭ ᠠᠴᠠ ᠨᠡᠮᠡᠭᠳᠡᠬᠦᠯᠣᠨ ᠬᠦᠮᠦᠨ ᠲᠣᠳᠣᠮ ᠰᠠᠷ᠎ᠠ ᠪᠦᠷᠢ 255 | ᠲᠦᠬᠦᠷᠢᠭ ᠪᠣᠯᠭᠠᠵᠣ᠂ ᠰᠢᠨ᠎ᠠ ᠮᠠᠶ᠋ᠢᠭ ᠤᠨ ᠬᠤᠷᠰᠢᠭᠰᠡᠨ ᠡᠮ ᠡᠮᠨᠡᠯᠬᠡ ᠶᠢᠨ ᠬᠦᠮᠦᠨ ᠲᠣᠮᠳᠠᠴᠢ ᠶᠢᠨ ᠪᠡᠯᠡ ᠬᠤᠷᠠᠮᠳᠣᠭᠤᠯᠬᠤ ᠪᠠᠷᠢᠮᠵᠢᠶ᠎ᠠ ᠶᠢ 594 ᠲᠦᠬᠦᠷᠢᠭ | ᠠᠴᠠ ᠨᠡᠮᠡᠭᠳᠡᠬᠦᠯᠣᠨ630 ᠲᠦᠬᠦᠷᠢᠭ ᠲᠤ ᠬᠦᠷᠬᠡᠵᠣ᠂ ᠰᠠᠭᠤᠭᠠᠯᠢ ᠠᠷᠠᠳ ᠤᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠭᠥᠮᠥᠨ ᠲᠤᠳᠤᠮ ᠰᠠᠷ᠎ᠠ ᠪᠥᠷᠢ 480 | ᠲᠥᠭᠦᠷᠢᠭ ᠠᠴᠠ ᠨᠡᠮᠡᠭᠳᠡᠬᠦᠯᠣᠨ 495 ᠲᠥᠭᠦᠷᠢᠭ ᠲᠤ ᠬᠦᠷᠭᠡᠪᠡ᠃ ︽ᠭᠤᠷᠪᠠᠨ ᠠᠯᠪᠠᠨ ᠵᠠᠷᠣᠳᠠᠯ︾ ᠤᠨ ᠵᠠᠷᠣᠯᠭ᠎ᠠ ᠶᠢᠨ ᠬᠠᠮᠢᠶᠠᠷᠣᠯᠲᠠ ᠶᠢ ᠪᠦᠬᠦ ᠲᠠᠯ᠎ᠠ ᠪᠠᠷ | ᠴᠢᠩᠭᠠᠳᠬᠠᠵᠣ᠂ ︽ᠣᠲᠤᠭ ᠤᠨ ᠡᠮᠣᠨᠡᠲᠣ ᠬᠤᠰᠢᠭᠤᠨ ᠤ ᠭᠤᠷᠪᠠᠨ ᠠᠯᠪᠠᠨ ᠵᠠᠷᠣᠳᠠᠯ ᠤᠨ ᠬᠠᠮᠢᠶᠠᠷᠣᠯᠲᠠ ᠪᠠ ᠢᠯᠡᠰᠢᠬᠦᠯᠣᠯᠲᠡ ᠶᠢᠨ ︵ᠲᠦᠷ ᠬᠡᠷᠡᠭᠵᠢᠬᠦᠯᠬᠦ︶ | ᠠᠷᠭ᠎ᠠ︾᠂ ︽ᠣᠲᠤᠭ ᠤᠨ ᠡᠮᠣᠨᠡᠲᠣ ᠬᠤᠰᠢᠭᠤᠨ ᠤ ᠲᠣᠰ ᠱᠠᠲᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠤᠷᠠᠯ ᠤᠨ ᠬᠠᠮᠢᠶᠠᠷᠣᠯᠲᠠ ᠶᠢᠨ ᠠᠷᠭ᠎ᠠ︾ ᠵᠡᠷᠬᠡ | ᠲᠦᠷᠢᠮ ᠲᠣᠭᠲᠠᠭᠠᠯ ᠢ ᠲᠣᠭᠳᠠᠭᠠᠪᠠ᠃ ᠠᠷᠪᠢᠯᠠᠨ ᠭᠠᠮᠨᠠᠬᠤ ᠶᠢ ᠡᠷᠬᠢᠮᠯᠡᠨ ᠪᠦᠷᠢᠯᠬᠡᠨ ᠰᠣᠶᠢᠳᠬᠡᠬᠦ ᠶᠢ ᠡᠰᠡᠷᠬᠦᠴᠡᠵᠣ᠂ ᠪᠣᠷᠣ ᠬᠤᠨᠤᠭ ᠦᠩᠬᠡᠷᠡᠬᠡᠬᠦ ᠰᠣᠷᠲᠠᠯ ᠢ | ᠡᠷᠬᠢᠮᠯᠡᠨ᠂ ︽ᠭᠤᠷᠪᠠᠨ ᠠᠯᠪᠠᠨ ᠵᠠᠷᠣᠳᠠᠯ︾ ᠢ ᠬᠢᠵᠠᠭᠠᠷᠯᠠᠨ ᠬᠠᠮᠢᠶᠠᠷᠴᠣ᠂ ︽ᠭᠤᠷᠪᠠᠨ ᠠᠯᠪᠠᠨ︾ ᠤ ᠵᠠᠷᠣᠯᠭ᠎ᠠ ᠶᠢ ᠶᠡᠬᠡᠪᠡᠷ ᠪᠠᠭᠠᠰᠬᠠᠭᠠᠳ᠂ ᠪᠦᠬᠦ ᠬᠤᠰᠢᠭᠤᠨ | ᠤ ︽ᠭᠤᠷᠪᠠᠨ ᠠᠯᠪᠠᠨ︾ ᠤ ᠵᠠᠷᠣᠯᠭ᠎ᠠ3635ᠲᠦᠮᠡᠨ ᠲᠦᠬᠦᠷᠢᠭ ᠪᠣᠯᠵᠣ᠂ ᠠᠳᠠᠯᠢ ᠬᠤᠭᠤᠴᠠᠭᠠᠨ ᠤ ᠬᠢ ᠠᠴᠠ 31.19% ᠪᠠᠷ ᠪᠠᠭᠤᠷᠠᠵᠣ᠂ ᠨᠡᠶᠢᠲᠡ ᠶᠢᠨ | ᠡᠩ ᠤᠨ ᠴᠢᠨᠠᠷᠲᠠᠢ ᠵᠠᠷᠣᠯᠭ᠎ᠠ ᠨᠡᠮᠡᠭᠳᠡᠭᠰᠡᠨ ᠦᠬᠡᠢ᠃ ᠡᠳ᠋ ᠤᠨ ᠵᠠᠰᠠᠭ ᠤᠨ ᠮᠡᠳᠡᠭᠡ ᠵᠠᠩᠬᠢ ᠶᠢᠨ ᠢᠯᠡᠰᠢᠬᠦᠯᠣᠯᠲᠡ ᠶᠢ ᠠᠬᠢᠭᠤᠯᠵᠣ᠂ ᠡᠳ᠋ ᠤᠨ ᠵᠠᠰᠠᠭ ᠤᠨ | ᠲᠦᠰᠣᠪ᠂ ᠲᠦᠰᠣᠪ ᠤᠨ ᠬᠦᠢᠴᠡᠳᠬᠡᠯ ᠪᠠ ︽ᠭᠤᠷᠪᠠᠨ ᠠᠯᠪᠠᠨ ᠵᠠᠷᠣᠳᠠᠯ︾ ᠤᠨ ᠮᠡᠳᠡᠭᠡ ᠵᠠᠩᠬᠢ ᠶᠢ ᠢᠯᠡᠰᠢᠬᠦᠯᠬᠦ ᠠᠵᠢᠯ ᠢ ᠡᠮᠬᠢ ᠴᠡᠭᠴᠡᠲᠡᠢ ᠶᠠᠪᠣᠭᠳᠠᠭᠤᠯᠵᠣ | ᠂ ᠪᠦᠬᠦ ᠬᠤᠰᠢᠭᠤᠨ ᠤ ᠪᠣᠢ ᠪᠦᠬᠦᠢ ᠵᠠᠰᠠᠭ ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠴᠦᠮ 2013 ᠣᠨ ᠤ ︽ᠭᠤᠷᠪᠠᠨ ᠠᠯᠪᠠᠨ ᠵᠠᠷᠣᠳᠠᠯ︾ ᠤᠨ ᠲᠦᠰᠣᠪ | ᠤᠨ ᠬᠦᠢᠴᠡᠳᠬᠡᠯ ᠪᠠ2014 ᠣᠨ ᠤ ︽ᠭᠤᠷᠪᠠᠨ ᠠᠯᠪᠠᠨ ᠵᠠᠷᠣᠳᠠᠯ︾ ᠤᠨ ᠲᠦᠰᠣᠪ ᠢᠶᠠᠨ ᠢᠯᠡᠰᠢᠬᠦᠯᠪᠡ᠃ | ︵ᠲᠦᠷᠪᠠ︶ ᠲᠣᠭᠳᠠᠴᠠ ᠶᠢ ᠲᠡᠬᠦᠯᠳᠡᠷᠵᠢᠬᠦᠯᠬᠦ ᠪᠠ ᠵᠣᠬᠢᠴᠠᠮᠵᠢ ᠶᠢ ᠴᠢᠩᠭᠠᠳᠬᠠᠬᠤ ᠶᠢ ᠬᠠᠮᠲᠣ ᠳᠤ ᠨᠢ ᠲᠣᠪᠣᠶᠢᠯᠭᠠᠵᠣ᠂ ᠬᠠᠣᠯᠢ ᠶᠣᠰᠣᠭᠠᠷ ᠰᠢᠨᠵᠢᠯᠡᠬᠦ | ᠣᠬᠠᠭᠠᠨᠴᠢ ᠪᠠᠷ ᠡᠳ᠋ ᠤᠨ ᠶᠠᠪᠣᠳᠠᠯ ᠢ ᠬᠠᠮᠢᠶᠠᠷᠴᠣ ᠦᠷ᠎ᠡ ᠪᠦᠲᠣᠮᠵᠢ ᠣᠯᠪᠠ᠃ ᠬᠠᠮᠢᠶᠠᠷᠤᠯᠳᠠ ᠶᠢ ᠰᠢᠨᠡᠴᠢᠯᠡᠵᠣ᠂ ᠠᠵᠢᠯᠯᠠᠮᠵᠢ ᠡᠮᠬᠢ ᠴᠡᠭᠴᠡᠲᠡᠢ᠂ ᠬᠠᠮᠢᠶᠠᠷᠤᠯᠳᠠ | ᠲᠦᠷᠢᠮᠵᠢᠯ ᠲᠠᠢ᠂ ᠬᠦᠯᠢᠶᠡᠰᠣᠯᠡᠯ ᠬᠦᠴᠦᠨ ᠲᠠᠢ᠂ ᠰᠢᠨᠵᠢᠯᠡᠬᠦ ᠣᠬᠠᠭᠠᠨᠴᠢ ᠦᠨᠳᠣᠷ ᠦᠷ᠎ᠡ ᠠᠰᠢᠭ ᠲᠠᠢ ᠡᠳ᠋ ᠤᠨ ᠵᠠᠰᠠᠭ ᠤᠨᠬᠠᠮᠢᠶᠠᠷᠤᠯᠳᠠ ᠶᠢᠨ ᠲᠦᠷᠢᠮ | ᠲᠣᠭᠲᠠᠭᠠᠪᠠ᠃ ᠨᠡᠶᠢᠲᠡ ᠶᠢᠨ ᠡᠳ᠋ ᠤᠨ ᠵᠠᠰᠠᠭ ᠤᠨ ᠲᠦᠰᠣᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠬᠦᠨ ᠤ ᠲᠦᠰᠣᠪ᠂ ᠣᠯᠣᠰ ᠤᠨ ᠦᠮᠴᠢᠯᠡᠯᠲᠣ | ᠬᠦᠷᠦᠩᠬᠡ ᠶᠢᠨ ᠡᠵᠡᠩᠨᠡᠯᠲᠡ ᠶᠢᠨ ᠲᠦᠰᠣᠪ᠂ ᠨᠡᠶᠢᠬᠡᠮ ᠤᠨ ᠪᠠᠳᠣᠯᠠᠭ᠎ᠠ ᠶᠢᠨ ᠲᠦᠰᠣᠪ ᠳᠤᠭᠳᠠᠭᠠᠯᠳᠠ ᠶᠢ ᠢᠳᠡᠪᠬᠢᠲᠡᠢ ᠲᠡᠯᠬᠡᠷᠡᠬᠦᠯᠵᠤ᠂ ᠲᠦᠰᠣᠪ ᠳᠤᠭᠳᠠᠭᠠᠯᠳᠠ | ᠶᠢᠨ ᠰᠢᠨᠵᠢᠯᠡᠬᠦ ᠤᠬᠠᠭᠠᠨᠴᠢ ᠴᠢᠨᠠᠷ᠂ ᠵᠦᠢ ᠵᠣᠬᠢᠰᠲᠣ ᠴᠢᠨᠠᠷ ᠪᠠ ᠪᠦᠲᠦᠮᠵᠢᠲᠣ ᠴᠢᠨᠠᠷ ᠢ ᠲᠡᠬᠡᠭᠰᠢᠯᠡᠬᠦᠯᠪᠡ︔ ᠤᠯᠤᠰ ᠤᠨ ᠭᠥᠮᠥᠷᠭᠡ ᠠᠴᠠ ᠲᠥᠪᠯᠡᠷᠡᠩᠭᠦᠢ | ᠭᠠᠷᠭᠠᠬᠤ ᠲᠥᠷᠢᠮ ᠤᠨ ᠦᠬᠡᠷᠡᠴᠢᠯᠠᠯᠳᠠ ᠶᠢ ᠲᠡᠬᠦᠯᠳᠡᠷᠵᠢᠬᠦᠯᠣᠨ᠂ ᠠᠯᠪᠠᠨ ᠺᠠᠷᠲ ᠢᠶᠠᠷ ᠲᠠᠰᠤᠯᠤᠨ ᠪᠣᠳᠣᠵᠣ ᠳᠠᠩᠰᠠᠨ ᠲᠠᠶᠢᠯᠬᠤ ᠲᠠᠷᠠᠭᠠᠯᠠᠯ ᠪᠠ ᠡᠳ᠋ ᠤᠨ | ᠶᠠᠪᠣᠳᠠᠯ ᠤᠨ ᠬᠢᠨᠠᠨ ᠵᠦᠪᠰᠢᠶᠡᠷᠡᠯ ᠤᠨ ᠶᠠᠪᠣᠴᠠ ᠶᠢ ᠣᠯᠠᠮ ᠲᠦᠷᠢᠮᠵᠢᠬᠦᠯᠵᠣ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠣᠯᠲᠠ ᠶᠢ ᠴᠢᠩᠭᠠᠳᠬᠠᠪᠠ᠃ | ᠡᠳ᠋ ᠤᠨ ᠵᠠᠰᠠᠭ ᠤᠨ ᠭᠠᠵᠠᠷ ᠤᠨ ᠥᠭᠡᠷᠡᠴᠢᠯᠠᠯᠳᠠ ᠶᠢ ᠦᠷᠬᠦᠯᠵᠢᠯᠡᠨ ᠠᠬᠢᠭᠤᠯᠵᠣ᠂ ᠪᠠᠷᠢᠮᠵᠢᠶᠠᠵᠢᠭᠰᠠᠨ ᠡᠳ᠋ ᠤᠨ ᠵᠠᠰᠠᠭ ᠤᠨ ᠭᠠᠵᠠᠷ ᠢ ᠴᠢᠷᠮᠠᠶᠢᠨ ᠪᠠᠶᠢᠭᠤᠯᠵᠣ᠂ | ᠦᠨᠳᠣᠰᠣᠨ ᠱᠠᠲᠣᠨ ᠤ ᠡᠳ᠋ ᠤᠨ ᠵᠠᠰᠠᠭ ᠤᠨ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠳᠤ ᠦᠢᠯᠡᠴᠢᠯᠡᠬᠦ ᠲᠦᠪᠰᠢᠨ ᠢ | ᠲᠡᠬᠡᠭᠰᠢᠯᠡᠬᠦᠯᠪᠡ︔ ᠱᠠᠩᠬᠠᠢ ᠶᠢᠨ ᠰᠦᠮ᠎ᠡ ᠨᠡᠬᠡᠬᠡᠯᠲᠡ ᠶᠢᠨ ᠣᠷᠣᠨ ᠲᠠᠢ ᠬᠠᠮᠵᠢᠯᠴᠠᠨ ᠡᠳ᠋ ᠤᠨ ᠵᠠᠰᠠᠭ ᠤᠨ ᠠᠵᠢᠯᠯᠠᠮᠵᠢ ᠶᠢᠨ ᠲᠣᠭᠳᠠᠴᠠ ᠶᠢ ᠲᠡᠬᠦᠯᠳᠡᠷᠵᠢᠬᠦᠯᠵᠣ | ᠂ ᠬᠤᠰᠢᠭᠤ ᠲᠣᠰ ᠱᠠᠲᠣ ᠬᠢᠬᠡᠳᠨᠡᠬᠡᠬᠡᠯᠲᠡ ᠶᠢᠨ ᠣᠷᠣᠨ ᠤ ᠡᠳ᠋ ᠤᠨ ᠵᠠᠰᠠᠭ ᠤᠨ ᠬᠤᠪᠢᠶᠠᠷᠢᠯᠠᠯ ᠤᠨ ᠬᠠᠷᠢᠴᠠᠭ᠎ᠠ ᠶᠢ ᠰᠢᠯᠣᠭᠤᠳᠬᠠᠪᠠ᠃ ᠵᠠᠰᠠᠭ ᠤᠨ ᠣᠷᠳᠣᠨ | ᠤ ᠬᠤᠳᠠᠯᠳᠣᠨ ᠠᠪᠬᠤ ᠥᠭᠡᠷᠡᠴᠢᠯᠠᠯᠳᠠ ᠶᠢ ᠠᠬᠢᠭᠤᠯᠵᠣ᠂ ᠵᠠᠰᠠᠭ ᠤᠨ ᠣᠷᠳᠣᠨ ᠤ ᠬᠤᠳᠠᠯᠳᠣᠨ ᠠᠪᠬᠤ ᠬᠦᠷᠢᠶ᠎ᠡ ᠬᠡᠪᠴᠢᠶ᠎ᠡ ᠶᠢ ᠣᠯᠠᠮ ᠦᠷᠭᠡᠳᠬᠡᠵᠣ᠂ ᠪᠦᠬᠦ | ᠵᠢᠯ ᠳᠤ ᠵᠠᠰᠠᠭ ᠤᠨ ᠣᠷᠳᠣᠨ ᠤ ᠬᠤᠳᠠᠯᠳᠣᠨ ᠠᠪᠣᠯᠲᠠ3172.4 ᠲᠦᠮᠡᠨ ᠲᠦᠬᠦᠷᠢᠭ ᠲᠤ ᠬᠦᠷᠴᠣ᠂ 202.7 ᠲᠦᠮᠡᠨ ᠲᠦᠬᠦᠷᠢᠭᠡᠳ᠋ ᠤᠨ ᠵᠠᠰᠠᠭ ᠤᠨ | ᠪᠡᠯᠡ ᠮᠥᠩᠭᠦ ᠠᠷᠪᠢᠯᠠᠵᠣ᠂ ᠪᠡᠯᠡ ᠮᠦᠩᠬᠦᠨ ᠤ ᠠᠷᠪᠢᠯᠠᠯᠲᠠ ᠶᠢᠨ ᠨᠣᠷᠮ᠎ᠠ6.39% ᠳᠤ ᠬᠦᠷᠪᠡ᠃ ᠥᠷᠢ ᠥᠭᠴᠡᠭᠡᠨ ᠤ ᠬᠠᠮᠢᠶᠠᠷᠣᠯᠲᠠ ᠶᠢ ᠴᠢᠩᠭᠠᠳᠬᠠᠵᠣ᠂ | ︽ᠤᠲᠤᠭ ᠤᠨ ᠡᠮᠤᠨᠡᠲᠤ ᠬᠤᠰᠢᠭᠤᠨ ᠤ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡ ᠶᠢᠨ ᠬᠠᠮᠢᠶᠠᠷᠤᠯᠳᠠ ᠶᠢᠨ ︵ᠲᠥᠷ ᠬᠡᠷᠡᠭᠵᠢᠬᠦᠯᠬᠦ︶ ᠠᠷᠭ᠎ᠠ ︾ | ᠶᠢ ᠴᠢᠩᠭ᠎ᠠ ᠬᠡᠷᠡᠭᠵᠢᠬᠦᠯᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ ᠪᠦᠬᠦ ᠬᠤᠰᠢᠭᠤᠨ ᠤ ᠵᠠᠰᠠᠭ ᠤᠨ ᠤᠷᠳᠤᠨ | ᠤ ᠴᠢᠨᠠᠷ ᠲᠠᠢ ᠥᠷᠢ ᠥᠭᠴᠡᠭᠡᠨ ᠳᠤ ᠲᠠᠬᠢᠨᠲᠠ ᠨᠠᠷᠢᠯᠢᠭ ᠬᠠᠷᠭᠤᠭᠤᠯᠳᠠ ᠬᠢᠵᠤ᠂ ᠥᠷᠢ ᠥᠭᠴᠡᠭᠡ ᠶᠢᠨ ᠰᠠᠭᠤᠷᠢ ᠲᠤᠭ᠎ᠠ ᠶᠢ ᠲᠣᠳᠣᠷᠬᠠᠶᠢᠯᠡᠪᠠ︔ ᠥᠷᠢ | ᠥᠭᠴᠡᠭᠡ ᠶᠢ ᠴᠢᠩᠭ᠎ᠠ ᠬᠢᠵᠠᠭᠠᠷᠯᠠᠨ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠦᠬᠡᠢ ᠪᠠᠷ ᠲᠣᠷ᠎ᠠ ᠪᠠᠷ ᠦᠷᠢ ᠬᠢᠬᠦ ᠦᠵᠡᠭᠳᠡᠯ ᠢ | ᠦᠬᠡᠶᠢᠰᠬᠡᠪᠡ︔ ᠣᠯᠠᠨ ᠠᠪᠴᠠᠯ ᠢᠶᠠᠷ ᠦᠯᠡᠮᠡᠯ ᠦᠷᠢ ᠦᠭᠴᠡᠭᠡ ᠶᠢ ᠲᠣᠬᠢᠲᠠᠢ ᠰᠢᠢᠳᠪᠣᠷᠢᠯᠡᠪᠡ᠃ | ᠠᠮᠵᠢᠯᠲᠡ ᠪᠠᠨ ᠨᠤᠳᠠᠯᠠᠬᠤ ᠶᠢᠨ ᠬᠠᠮᠲᠤ᠂ ᠪᠢᠲᠡ ᠪᠠᠰᠠ ᠤᠳᠤᠬᠠᠨ ᠤ ᠡᠳ᠋ ᠤᠨ ᠵᠠᠰᠠᠭ ᠤᠨ ᠠᠵᠢᠯ ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ | ᠠᠰᠠᠭᠤᠳᠠᠯ ᠢᠶᠠᠨ ᠰᠡᠷᠭᠡᠭ ᠢᠶᠠᠷ ᠳᠠᠨᠢᠬᠤ ᠬᠡᠷᠡᠭᠲᠡᠢ᠄ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠳᠠᠭᠠᠰᠢᠷᠠᠭᠰᠡᠨ ᠪᠠ ᠵᠠᠷᠤᠯᠭ᠎ᠠ ᠶᠢᠨ ᠬᠤᠪᠢᠷᠠᠰᠢ ᠦᠬᠡᠢ | ᠨᠡᠮᠡᠭᠳᠡᠬᠦ ᠵᠦᠷᠢᠴᠡᠯ ᠨᠠᠩ ᠳᠤᠪᠤᠶᠢᠮ᠎ᠠ︔ ︽ᠲᠦᠷᠪᠠᠨ ᠲᠦᠰᠤᠪ︾ ᠤᠨ ᠳᠤᠭᠳᠠᠭᠠᠯᠳᠠ ᠶᠢᠨ ᠰᠢᠨᠵᠢᠯᠡᠬᠦ ᠤᠬᠠᠭᠠᠨᠴᠢ ᠴᠢᠨᠠᠷ᠂ ᠪᠦᠷᠢᠨ ᠪᠦᠳᠤᠨ ᠴᠢᠨᠠᠷ᠂ | ᠲᠦᠷᠢᠮᠵᠢᠯᠳᠤ ᠴᠢᠨᠠᠷ ᠢ ᠳᠡᠬᠡᠭᠰᠢᠯᠡᠬᠦᠯᠬᠦ ᠴᠢᠬᠤᠯᠠᠳᠠᠢ︔ ᠲᠦᠰᠤᠪ ᠤᠨ ᠵᠠᠷᠤᠯᠭ᠎ᠠ ᠶᠢᠨ ᠴᠢᠩᠳᠠ ᠬᠢᠵᠠᠭᠠᠷᠯᠠᠯ ᠢ ᠴᠢᠩᠭᠠᠤᠨᠬᠠᠬᠤ ᠴᠢᠬᠤᠯᠠᠳᠠᠢ︔ ᠳᠤᠰᠬᠠᠢ ᠲᠦᠷᠤᠯ | ᠤᠨ ᠪᠡᠯᠡ ᠮᠦᠩᠬᠦ ᠶᠢᠨ ᠤᠯᠭᠤᠯᠳᠠ ᠶᠢᠨ ᠨᠤᠷᠮ᠎ᠠ ᠦᠨᠳᠤᠷ ᠪᠤᠰᠤ᠂ ᠬᠡᠰᠡᠭ ᠳᠤᠰᠬᠠᠢ ᠲᠦᠷᠤᠯ ᠤᠨ ᠪᠡᠯᠡ ᠮᠦᠩᠬᠦ ᠶᠢᠨ ᠬᠡᠷᠡᠭᠯᠡᠯᠳᠠ ᠶᠢᠨ ᠦᠷ᠎ᠠ ᠠᠰᠢᠭ ᠢᠯᠡᠷᠬᠡᠢ | ᠪᠤᠰᠤ︔ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ ᠳᠠᠷᠤᠭᠠᠰᠤ ᠨᠡᠯᠢᠶᠡᠤᠨ ᠬᠦᠨᠳᠤ᠂ ᠲᠦᠭᠰᠢᠬᠦᠷᠢ ᠶᠢᠨ ᠬᠡᠮ ᠰᠤᠭᠤᠭ ᠤᠮᠳᠤᠭᠠᠶᠢᠯᠠᠰᠢ ᠦᠬᠡᠢ | ᠪᠤᠢ᠃ ᠡᠳᠡᠬᠡᠷ ᠠᠰᠠᠭᠤᠳᠠᠯ ᠢ ᠪᠢᠳᠠ ᠡᠷᠬᠡᠪᠰᠢ ᠪᠦᠳᠤᠮᠵᠢᠳᠠᠢ ᠠᠷᠭ᠎ᠠ ᠬᠡᠮᠵᠢᠶ᠎ᠠ ᠠᠪᠴᠤ ᠳᠤᠬᠢᠳᠠᠢ ᠰᠢᠢᠤᠨᠪᠤᠷᠢᠯᠡᠬᠦ ᠴᠢᠬᠤᠯᠠ ᠲᠠᠢ ᠪᠠᠶᠢᠨ᠎ᠠ᠃ | ᠬᠤᠶᠠᠷ᠂ 2015 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | 2015 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ ᠪᠤᠯ᠄ ᠨᠠᠮ ᠤᠨ ᠬᠤᠷᠢᠶ᠎ᠠ᠂ ᠵᠠᠰᠠᠭ ᠤᠨ ᠤᠷᠳᠤᠨ | ᠤ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠳᠤᠤᠱᠯᠠᠭᠤᠯᠵᠤ᠂ ᠳᠤᠭᠳᠠᠭᠤᠨ ᠢᠶᠠᠷ ᠬᠦᠭᠵᠢᠬᠦᠯᠬᠦ ᠶᠡᠷᠤᠩᠬᠡᠢ ᠵᠠᠷᠴᠢᠮ ᠢ ᠪᠠᠷᠢᠮᠳᠠᠯᠠᠵᠤ᠂ | ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠰᠢᠨ᠎ᠠ ᠪᠠᠶᠢᠳᠠᠯ ᠳᠤ ᠰᠠᠨᠠᠭᠠᠴᠢᠯᠠᠭᠠᠳᠠᠢ ᠵᠤᠬᠢᠴᠠᠬᠤ ᠪᠠ ᠤᠶᠢᠯᠡᠴᠢᠯᠡᠵᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ | ᠦᠬᠡᠷᠡᠴᠢᠯᠠᠯᠳᠠ ᠶᠢ ᠬᠦᠨᠵᠡᠬᠡᠢ ᠠᠬᠢᠭᠤᠯᠵᠤ᠂ ᠤᠷᠤᠯᠭ᠎ᠠ ᠶᠢᠨ ᠳᠤᠭᠳᠠᠭᠤᠨ ᠨᠡᠮᠡᠭᠳᠡᠯ ᠢ ᠪᠠᠳᠤᠯᠠᠨ᠎ᠠ︔ ᠵᠠᠷᠤᠯᠭ᠎ᠠ ᠶᠢᠨ ᠪᠦᠳᠤᠴᠠ ᠶᠢ ᠶᠡᠬᠡᠪᠡᠷ ᠰᠢᠯᠢᠳᠡᠭᠵᠢᠬᠦᠯᠵᠤ᠂ | ᠠᠷᠠᠤᠨ ᠤᠨ ᠠᠮᠢᠳᠤᠷᠠᠯ᠂ ᠬᠡᠯᠪᠡᠷᠢ ᠶᠢ ᠬᠤᠪᠢᠷᠠᠭᠠᠬᠤ ᠵᠡᠷᠬᠡ ᠭᠤᠤᠯᠳᠠᠯᠭᠠᠳᠤ ᠵᠠᠷᠤᠯᠭ᠎ᠠ ᠶᠢ ᠪᠠᠳᠤᠯᠠᠨ᠎ᠠ︔ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠬᠤ | ᠶᠢ ᠪᠠᠷᠢᠮᠳᠠᠯᠠᠵᠤ᠂ ᠲᠦᠭᠰᠢᠬᠦᠷᠢ ᠶᠢ ᠰᠡᠷᠬᠡᠶᠢᠯᠡᠨ ᠬᠢᠵᠠᠭᠠᠷᠯᠠᠬᠤ ᠶᠢ ᠴᠢᠩᠭᠠᠤᠨᠬᠠᠵᠤ᠂ ᠪᠡᠯᠡ ᠮᠦᠩᠬᠦ ᠶᠢᠨ ᠦᠷ᠎ᠠ ᠠᠰᠢᠭ ᠢ ᠳᠡᠬᠡᠭᠰᠢᠯᠡᠬᠦᠯᠵᠤ᠂ ᠪᠦᠬᠦ ᠬᠤᠰᠢᠭᠤᠨ | ᠤ ᠠᠵᠤ ᠠᠬᠤᠢ ᠨᠠᠶᠢᠬᠡᠮ ᠤᠨ ᠡᠷᠡᠬᠦᠯ ᠳᠤᠭᠳᠠᠭᠤᠨ ᠬᠦᠭᠵᠢᠯᠳᠠ ᠶᠢ ᠠᠬᠢᠭᠤᠯᠤᠨ᠎ᠠ᠃ | ᠲᠦᠰᠤᠪ ᠳᠤᠭᠳᠠᠭᠠᠬᠤ ᠵᠠᠷᠴᠢᠮ᠄ ᠨᠢᠬᠡ ᠳᠤ ᠪᠤᠳᠠᠳᠠᠢ ᠶᠢ ᠡᠷᠬᠢᠮᠯᠠᠨ ᠢᠳᠡᠪᠬᠢᠳᠠᠢ ᠯᠠᠪᠳᠠᠭᠤᠨ ᠢᠶᠠᠷ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ | ᠤᠷᠤᠯᠭ᠎ᠠ ᠶᠢᠨ ᠲᠦᠰᠤᠪ ᠢ ᠬᠢᠵᠠᠭᠠᠷᠯᠠᠬᠤ ᠠᠴᠠ ᠵᠢᠱᠢᠬᠦ ᠳᠡᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠪᠦᠬᠦ ᠬᠤᠰᠢᠭᠤᠨ ᠤ ᠭᠠᠵᠠᠷ ᠤᠷᠤᠨ ᠤ | ᠤᠶᠢᠯᠡᠤᠨᠪᠤᠷᠢᠯᠡᠯ ᠤᠨ ᠶᠡᠷᠤᠩᠬᠡᠢ ᠦᠷᠳᠡᠭ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠵᠡᠷᠬᠡ ᠠᠵᠤ ᠠᠬᠤᠢ ᠶᠢᠨ ᠭᠤᠤᠯ ᠬᠦᠭᠵᠢᠯᠳᠠ ᠶᠢᠨ ᠵᠢᠱᠢᠭᠰᠡᠨ | ᠬᠠᠷᠠᠯᠳᠠ ᠲᠠᠢ ᠵᠤᠬᠢᠴᠠᠭᠤᠯᠵᠤ᠂ ᠤᠯᠤᠰ ᠤᠨ ᠭᠠᠶᠢᠯᠢ ᠶᠢᠨ ᠲᠦᠷᠢᠮ ᠢ ᠳᠡᠬᠦᠯᠳᠡᠷᠵᠢᠬᠦᠯᠬᠦ ᠪᠠ ᠵᠠᠰᠠᠭ ᠵᠠᠬᠢᠷᠭ᠎ᠠ ᠠᠵᠢᠯ ᠤᠶᠢᠯᠡᠰ ᠤᠨ ᠴᠢᠨᠠᠷᠳᠠᠢ ᠬᠤᠷᠢᠶᠠᠬᠤ | ᠵᠠᠷᠤᠳᠠᠯ ᠢ ᠦᠬᠡᠶᠢᠰᠬᠡᠬᠦ ᠵᠡᠷᠬᠡ ᠭᠠᠶᠢᠯᠢ ᠶᠢᠨ ᠪᠤᠰᠤ ᠤᠷᠤᠯᠭ᠎ᠠ ᠶᠢᠨ ᠲᠦᠷᠤ ᠶᠢᠨ ᠪᠤᠳᠤᠯᠭ᠎ᠠ ᠲᠠᠢ ᠤᠶᠠᠯᠳᠤᠭᠤᠯᠵᠤ᠂ ᠠᠵᠢᠯ ᠤᠶᠢᠯᠡᠰ᠂ ᠭᠠᠶᠢᠯᠢ ᠶᠢᠨ ᠲᠦᠷᠤᠯ ᠢ | ᠦᠨᠳᠤᠰᠤᠯᠠᠨ ᠤᠷᠤᠯᠭ᠎ᠠ ᠪᠠ ᠡᠳ᠋ ᠤᠨ ᠬᠦᠴᠤᠨ ᠢ ᠪᠤᠳᠠᠳᠠᠢ ᠲᠦᠰᠤᠪᠯᠡᠨᠠ᠃ ᠵᠠᠷᠤᠯᠭ᠎ᠠ ᠶᠢᠨ ᠲᠦᠰᠤᠪ ᠪᠠ ᠤᠷᠤᠯᠭ᠎ᠠ ᠶᠢᠨ ᠲᠦᠰᠤᠪ ᠢ ᠬᠠᠷᠢᠯᠴᠠᠨ | ᠬᠠᠷᠠᠭᠠᠯᠵᠠᠭᠤᠯᠵᠤ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠤᠨᠠ᠃ ᠬᠤᠶᠠᠷ ᠲᠤ ᠨᠢᠬᠡᠳᠤᠯᠳᠠᠢ ᠲᠦᠯᠤᠪᠯᠡᠨ ᠠᠷᠪᠢᠯᠠᠨ ᠭᠠᠮᠨᠠᠵᠤ ᠭᠤᠤᠯᠳᠠᠯᠭ᠎ᠠ ᠶᠢ | ᠳᠤᠪᠤᠶᠢᠯᠭᠠᠨ᠎ᠠ᠃ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠵᠤ ᠪᠦᠷᠢᠯᠬᠡᠨ | ᠰᠦᠢᠤᠨᠬᠡᠬᠦ ᠶᠢ ᠡᠰᠡᠷᠬᠦᠴᠡᠬᠦ ᠬᠡᠷᠡᠭᠵᠢᠬᠦᠯᠤᠯᠳᠠ ᠶᠢᠨ ᠨᠠᠷᠢᠮ ᠲᠦᠷᠢᠮ︾ ᠶᠢ ᠪᠦᠬᠦ ᠳᠠᠯ᠎ᠠ ᠪᠠᠷ ᠪᠤᠳᠠᠳᠠᠶᠢᠵᠢᠭᠤᠯᠵᠤ᠂ ᠪᠤᠷᠤ ᠬᠤᠨᠤᠭ ᠦᠩᠬᠡᠷᠡᠬᠡᠬᠦ ᠦᠵᠡᠯ | ᠰᠠᠨᠠᠭ᠎ᠠ ᠶᠢ ᠢᠮᠠᠭᠳᠠ ᠪᠠᠷᠢᠮᠳᠠᠯᠠᠵᠤ᠂ ︽ᠭᠤᠷᠪᠠᠨ ᠠᠯᠪᠠᠨ︾ ᠵᠠᠷᠤᠳᠠᠯ᠂ ᠬᠤᠷᠠᠯ ᠤᠨ ᠵᠠᠷᠤᠳᠠᠯ᠂ ᠲᠦᠬᠦᠬᠡᠷᠤᠮᠵᠢ ᠬᠤᠳᠠᠯᠳᠤᠨ ᠠᠪᠬᠤ᠂ ᠠᠵᠢᠯ ᠤᠨ ᠵᠠᠷᠤᠳᠠᠯ | ᠵᠡᠷᠬᠡ ᠶᠡᠷᠤ ᠶᠢᠨ ᠴᠢᠨᠠᠷᠳᠠᠢ ᠵᠠᠷᠤᠯᠭ᠎ᠠ ᠶᠢ ᠪᠠᠭᠠᠰᠬᠠᠵᠤ᠂ ᠵᠠᠰᠠᠭ ᠵᠠᠬᠢᠷᠭᠠᠨ ᠤ ᠡᠷᠬᠢᠯᠳᠠ ᠶᠢᠨ ᠦᠪᠡᠷ ᠤᠨ ᠦᠷᠳᠡᠭ ᠢ ᠪᠠᠭᠤᠷᠠᠭᠤᠯᠤᠨ᠎ᠠ᠃ ᠦᠨᠳᠤᠰᠤᠨ ᠨᠠᠶᠢᠳᠠ | ᠶᠢᠨ ᠤᠶᠢᠯᠡᠴᠢᠯᠡᠬᠡᠨ ᠤ ᠵᠤᠬᠢᠰᠳᠠᠢ ᠱᠠᠭᠠᠷᠳᠠᠯᠭ᠎ᠠ ᠶᠢ ᠪᠠᠳᠤᠯᠠᠭᠰᠡᠨ ᠤᠷᠢᠳᠠᠯ ᠳᠤᠤᠷ᠎ᠠ ᠨᠠᠩ ᠠᠷᠪᠢᠨ ᠡᠳ᠋ ᠤᠨ ᠬᠦᠴᠤᠨ ᠢ ᠠᠷᠠᠤᠨ ᠤᠨ ᠠᠮᠢᠳᠤᠷᠠᠯ᠂ ᠬᠡᠯᠪᠡᠷᠢ | ᠪᠠᠨ ᠬᠤᠪᠢᠷᠠᠭᠠᠬᠤ ᠬᠦᠭᠵᠢᠯᠳᠠ ᠶᠢᠨ ᠰᠠᠭᠤᠷᠢ ᠮᠦᠩᠬᠦ᠂ ︽ᠠᠷᠪᠠᠨ ᠪᠦᠬᠦ ᠪᠦᠷᠬᠦᠴᠠ︾᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠳᠡᠤᠨᠬᠦᠬᠦ ᠢᠨᠵᠧᠨᠧᠷᠢᠩ | ᠵᠢᠴᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠭᠤᠤᠯᠳᠠᠯᠭ᠎ᠠ ᠲᠠᠢ | ᠪᠠᠳᠤᠯᠠᠬᠤ ᠪᠠ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢ ᠰᠢᠢᠤᠨᠪᠤᠷᠢᠯᠡᠬᠦ ᠳᠤ ᠵᠠᠷᠤᠴᠠᠭᠤᠯᠤᠨ᠎ᠠ᠃ ᠭᠤᠷᠪᠠ ᠳᠤ ᠲᠦᠰᠤᠪ ᠤᠨ ᠬᠠᠮᠢᠶᠠᠷᠤᠯᠳᠠ ᠶᠢ | ᠴᠢᠩᠭᠠᠤᠨᠬᠠᠬᠤ ᠪᠠ ᠰᠠᠶᠢᠵᠢᠷᠠᠭᠤᠯᠤᠨ᠎ᠠ᠃ ᠬᠤᠰᠢᠭᠤᠨ ᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ ᠦᠯᠡᠳᠡᠪᠤᠷᠢ᠂ ᠳ᠋ᠦᠩᠨᠡᠨ ᠰᠢᠯᠵᠢᠬᠦᠯᠦᠭᠰᠡᠨ ᠪᠡᠯᠡ ᠮᠦᠩᠬᠦ ︵ | ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ ᠶᠢ ᠪᠠᠭᠳᠠᠭᠠᠨ᠎ᠠ︶ ᠶᠢ 2015 ᠤᠨ ᠤ ᠲᠦᠰᠤᠪ ᠳᠤᠭᠳᠠᠭᠠᠬᠤ ᠲᠠᠢ ᠨᠢᠬᠡᠳᠤᠯᠳᠠᠢ ᠲᠦᠯᠤᠪᠯᠡᠵᠤ᠂ | ᠦᠯᠡᠳᠡᠭᠰᠡᠨ ᠪᠡᠯᠡ ᠮᠦᠩᠬᠦ ᠶᠢ ᠤᠯᠠᠮ ᠠᠮᠢᠳᠤᠯᠢᠭᠵᠢᠭᠤᠯᠤᠨ᠎ᠠ᠃ ᠢᠯᠡᠰᠢᠬᠦᠯᠬᠦ ᠲᠦᠰᠤᠯ ᠶᠤᠰᠤᠭᠠᠷ ᠡᠳ᠋ ᠤᠨ ᠵᠠᠰᠠᠭ ᠤᠨ ᠲᠦᠰᠤᠪ ᠪᠠ ᠲᠦᠰᠤᠪ ᠤᠨ | ᠬᠦᠢᠴᠡᠤᠨᠬᠡᠯ᠂ ᠰᠠᠯᠠᠭ᠎ᠠ ᠮᠦᠴᠢᠷ ᠤᠨ ᠲᠦᠰᠤᠪ ᠪᠠ ᠲᠦᠰᠤᠪ ᠤᠨ ᠬᠦᠢᠴᠡᠤᠨᠬᠡᠯ᠂ ︽ᠭᠤᠷᠪᠠᠨ ᠠᠯᠪᠠᠨ ᠵᠡᠷᠤᠳᠠᠯ︾ ᠤᠨ ᠲᠦᠰᠤᠪ ᠪᠠ ᠲᠦᠰᠤᠪ ᠤᠨ | ᠬᠦᠢᠴᠡᠤᠨᠬᠡᠯ ᠢ ᠴᠠᠭ ᠳᠤᠬᠠᠢ ᠳᠤ ᠨᠢ ᠢᠯᠡᠰᠢᠬᠦᠯᠵᠤ᠂ ᠠᠭᠤᠯᠭ᠎ᠠ ᠶᠢ ᠠᠯᠬᠤᠮ ᠠᠯᠬᠤᠮ ᠢᠶᠠᠷ ᠨᠠᠷᠢᠯᠢᠭᠵᠢᠭᠤᠯᠤᠨ᠎ᠠ᠃ ᠲᠦᠷᠤᠯ ᠵᠦᠢᠯ ᠤᠨ ᠬᠦᠮᠤᠷᠬᠡ ᠪᠠ | ᠲᠦᠷᠤᠯ ᠵᠦᠢᠯ ᠢ ᠦᠨᠡᠯᠡᠨ ᠬᠢᠨᠠᠬᠤ ᠲᠦᠷᠢᠮ ᠳᠤᠭᠳᠠᠭᠠᠵᠤ᠂ ᠲᠦᠷᠤᠯ ᠵᠦᠢᠯ ᠤᠨ ᠲᠦᠰᠤᠪ ᠢ ᠡᠷᠬᠡᠪᠰᠢ ᠦᠨᠡᠯᠡᠨ ᠬᠢᠨᠠᠭᠰᠡᠨ ᠤ ᠳᠠᠷᠠᠭ᠎ᠠ ᠳᠤᠬᠢᠷᠠᠭᠤᠯᠬᠤ ᠪᠠ | ᠳᠤᠷᠤᠭᠰᠢ ᠪᠠᠭᠤᠯᠭᠠᠨ᠎ᠠ᠃ ᠬᠠᠷᠠᠯᠳᠠ ᠤᠶᠢᠷᠠᠯᠴᠠᠭ᠎ᠠ᠂ ᠪᠡᠯᠡ ᠮᠦᠩᠬᠦ ᠶᠢᠨ ᠤᠷᠤᠭᠤᠯᠤᠯᠳᠠ ᠶᠢᠨ ᠴᠢᠭᠯᠡᠯ ᠠᠳᠠᠯᠢᠪᠳᠤᠷ᠂ ᠪᠡᠯᠡ ᠮᠦᠩᠬᠦ ᠶᠢᠨ ᠬᠠᠮᠢᠶᠠᠷᠤᠯᠳᠠ ᠶᠢᠨ | ᠠᠷᠭ᠎ᠠ ᠲᠦᠰᠤᠬᠡᠳᠠᠢ ᠳᠤᠰᠬᠠᠢ ᠲᠦᠷᠤᠯ ᠤᠨ ᠪᠡᠯᠡ ᠮᠦᠩᠬᠦ ᠶᠢ ᠴᠤᠭᠴᠠᠵᠢᠭᠤᠯᠵᠤ᠂ ᠰᠢᠨ᠎ᠠ ᠪᠠᠷ ᠳᠤᠰᠬᠠᠢ ᠲᠦᠷᠤᠯ ᠤᠨ ᠪᠡᠯᠡ ᠮᠦᠩᠬᠦ ᠭᠠᠷᠭᠠᠬᠤ ᠶᠢ ᠴᠢᠩᠭ᠎ᠠ | ᠬᠢᠵᠠᠭᠠᠷᠯᠠᠵᠤ᠂ ᠳᠤᠰᠬᠠᠢ ᠲᠦᠷᠤᠯ ᠤᠨ ᠪᠡᠯᠡ ᠮᠦᠩᠬᠦ ᠶᠢ ᠳᠤᠭᠳᠠᠭᠰᠡᠨ ᠬᠤᠭᠤᠴᠠᠭ᠎ᠠ ᠲᠠᠢ ᠦᠨᠡᠯᠡᠬᠦ ᠪᠠ ᠭᠠᠷᠭᠠᠬᠤ ᠲᠦᠷᠢᠮ ᠢ ᠬᠡᠷᠡᠭᠵᠢᠬᠦᠯᠤᠨ᠎ᠠ᠃ ᠡᠳ᠋ ᠤᠨ | ᠵᠠᠰᠠᠭ ᠤᠨ ᠬᠠᠮᠢᠶᠠᠷᠤᠯᠳᠠ ᠶᠢᠨ ᠪᠦᠳᠤᠮᠵᠢ ᠶᠢ ᠶᠡᠷᠤᠩᠬᠡᠶᠢᠯᠡᠨ ᠦᠨᠡᠯᠡᠬᠦ ᠰᠢᠰᠲ᠋ᠧᠮ ᠢ ᠪᠠᠶᠢᠭᠤᠯᠵᠤ᠂ ᠦᠨᠡᠯᠡᠬᠦ ᠬᠦᠷᠢᠶ᠎ᠠ ᠬᠡᠪᠴᠢᠶ᠎ᠡ ᠶᠢ ᠦᠷᠬᠡᠤᠨᠬᠡᠨᠠ᠃ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠶᠢ ᠴᠢᠩᠭᠠᠤᠨᠬᠠᠵᠤ᠂ ᠭᠠᠳᠠᠭᠰᠢ ᠵᠢᠬᠡᠯᠡᠭᠰᠡᠨ ᠵᠤᠭᠤᠰ ᠢᠶᠠᠨ ᠬᠠᠷᠭᠤᠭᠤᠯᠤᠨ ᠪᠠᠶᠢᠴᠠᠭᠠᠬᠤ ᠪᠠ ᠲᠦᠷ ᠦᠭᠬᠦᠭᠰᠡᠨᠵᠤᠭᠤᠰ | ᠢᠶᠠᠨ ᠰᠢᠢᠤᠨᠪᠤᠷᠢᠯᠡᠬᠦ ᠬᠦᠴᠤᠯᠡᠴᠠ ᠶᠢ ᠶᠡᠬᠡᠤᠨᠬᠡᠵᠤ᠂ ᠡᠳ᠋ ᠤᠨ ᠵᠠᠰᠠᠭ ᠤᠨ ᠲᠦᠭᠰᠢᠬᠦᠷᠢ ᠶᠢ ᠰᠡᠷᠬᠡᠶᠢᠯᠡᠨ᠎ᠠ᠃ | ︵ᠨᠢᠬᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ | 1. ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠦᠰᠤᠪ | 2015 ᠤᠨ ᠤ ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ ᠶᠢᠨ ᠲᠦᠰᠤᠪ ᠢ 15.88 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠳᠡᠬᠡᠷ᠎ᠠ ᠵᠢᠯ ᠠᠴᠠ 8% ᠦᠰᠬᠡᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ 0.85 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ | ᠪᠠᠭᠳᠠᠭᠠᠨ᠎ᠠ︶᠂ ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ ᠬᠤᠪᠢᠶᠠᠷᠢᠯᠠᠯ ᠤᠨ ᠤᠷᠤᠯᠭ᠎ᠠ ᠶᠢᠨ ᠲᠦᠷᠤᠯ ᠵᠦᠢᠯ ᠪᠤᠯ᠄ | ⑴ ᠭᠠᠶᠢᠯᠢ ᠶᠢᠨ ᠤᠷᠤᠯᠭ᠎ᠠ 10.8 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 4.66% ᠥᠰᠭᠡᠨ᠎ᠡ᠃ | ⑵ ᠭᠠᠶᠢᠯᠢ ᠶᠢᠨ ᠪᠤᠰᠤ ᠤᠷᠤᠯᠭ᠎ᠠ 5.08 ᠳ᠋ᠦᠩᠰᠢᠭᠤᠷ ᠲᠦᠬᠦᠷᠢᠭ᠂ ᠳᠡᠬᠡᠷ᠎ᠠ ᠵᠢᠯ ᠠᠴᠠ 15.98% ᠦᠰᠬᠡᠨ᠎ᠠ᠃ | 2. ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ | ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠲᠦᠰᠤᠪ ᠤᠨ ᠬᠠᠤᠯᠢ︾ ᠶᠢᠨ ᠬᠠᠮᠢᠶ᠎ᠠ ᠪᠦᠬᠦᠢ ᠳᠤᠭᠳᠠᠭᠠᠯ ᠶᠤᠰᠤᠭᠠᠷ᠂ ᠮᠠᠨ ᠤ ᠬᠤᠰᠢᠭᠤᠨ ᠤ | ᠪᠤᠳᠠᠳᠤ ᠬᠡᠷᠡᠭᠴᠡᠭᠡ ᠲᠠᠢ ᠤᠶᠠᠯᠳᠤᠭᠤᠯᠪᠠᠯ᠂ 2015 ᠤᠨ ᠤ ᠭᠠᠵᠠᠷ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠤᠪ ᠢ 26.83 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 13.49% ᠦᠰᠬᠡᠨ᠎ᠠ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ | 0.93 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠃ | ⑴ ᠠᠵᠤ ᠠᠬᠤᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠴᠠᠯᠢᠩ ᠤᠯᠭᠤᠮᠵᠢ ᠶᠢᠨ ᠵᠠᠷᠤᠯᠭ᠎ᠠ ᠶᠢᠨ ᠲᠦᠰᠤᠪ ᠢ 5.21 ᠳ᠋ᠦᠩᠰᠢᠭᠤᠷ ᠲᠦᠬᠦᠷᠢᠭ | ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 9.45% ᠥᠰᠭᠡᠨ᠎ᠡ︔ ᠠᠯᠪᠠᠨ ᠬᠡᠷᠡᠭᠯᠡᠬᠡᠨ ᠤ ᠪᠠ ᠠᠵᠢᠯ ᠥᠢᠯᠡᠰ ᠤᠨ ᠵᠠᠷᠤᠳᠠᠯ ᠤᠨ ᠵᠠᠷᠤᠯᠭ᠎ᠠ ᠶᠢᠨ | ᠲᠦᠰᠤᠪ ᠢ 2.98 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 7.45% ᠪᠠᠭᠤᠷᠠᠭᠤᠯᠤᠨ᠎ᠠ︔ ᠲᠦᠷᠤᠯ ᠵᠦᠢᠯ ᠤᠨ | ᠵᠠᠷᠤᠯᠭ᠎ᠠ ᠶᠢᠨ ᠲᠦᠰᠤᠪ ᠢ 18.64 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠳᠡᠬᠡᠷ᠎ᠠ ᠵᠢᠯ ᠠᠴᠠ 83.91% ᠪᠠᠭᠤᠷᠠᠭᠤᠯᠤᠨ᠎ᠠ᠃ | ⑵ ᠴᠢᠳᠠᠪᠬᠢ ᠶᠢᠨ ᠲᠦᠷᠤᠯ ᠵᠦᠢᠯ ᠢᠶᠠᠷ ᠬᠤᠪᠢᠶᠠᠪᠠᠯ᠂ ᠡᠯ᠎ᠡ ᠴᠢᠳᠠᠪᠬᠢ ᠶᠢᠨ ᠲᠦᠷᠤᠯ ᠵᠦᠢᠯ ᠤᠨ ᠵᠠᠷᠤᠯᠭ᠎ᠠ ᠳᠤᠤᠷᠠᠬᠢ ᠮᠡᠳᠤ᠄ | 1︶ ᠡᠩ ᠤᠨ ᠨᠠᠶᠢᠳᠠ ᠶᠢᠨ ᠤᠶᠢᠯᠡᠴᠢᠯᠡᠬᠡᠨ ᠤ ᠵᠠᠷᠤᠯᠭ᠎ᠠ 1.82 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 12% ᠥᠰᠭᠡᠨ᠎ᠡ᠃ | 2︶ ᠨᠠᠶᠢᠳᠠ ᠶᠢᠨ ᠠᠮᠤᠷ ᠲᠦᠪᠰᠢᠨ ᠤ ᠵᠠᠷᠤᠯᠭ᠎ᠠ 0.89 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 29% ᠥᠰᠭᠡᠨ᠎ᠡ︔ | 3︶ ᠰᠤᠷᠭᠠᠨ ᠬᠦᠮᠤᠵᠢᠯ ᠤᠨ ᠵᠠᠷᠤᠯᠭ᠎ᠠ 2.35 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 0.08% ᠥᠰᠭᠡᠨ᠎ᠡ︔ | 4︶ ᠰᠢᠨᠵᠢᠯᠡᠭᠡ ᠮᠡᠷᠬᠡᠵᠢᠯ ᠤᠨ ᠵᠠᠷᠤᠯᠭ᠎ᠠ 0.05 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 58% ᠦᠰᠬᠡᠨ᠎ᠠ︔ | 5︶ ᠰᠤᠶᠤᠯ ᠪᠡᠶ᠎ᠡ ᠳᠠᠮᠢᠷ ᠪᠠ ᠵᠠᠭᠤᠴᠢᠯᠠᠭᠤᠷ ᠤᠨ ᠵᠠᠷᠤᠯᠭ᠎ᠠ 0.66 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 50% ᠥᠰᠭᠡᠨ᠎ᠡ︔ | 6︶ ᠨᠠᠶᠢᠬᠡᠮ ᠤᠨ ᠪᠠᠳᠤᠯᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 1.55 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 0.01% | ᠪᠠᠭᠤᠷᠠᠭᠤᠯᠤᠨ᠎ᠠ︔ | 7︶ ᠡᠮ ᠡᠮᠴᠢᠯᠡᠭᠡ ᠡᠷᠡᠬᠦᠯ ᠬᠠᠮᠠᠭᠠᠯᠠᠯ ᠪᠠ ᠲᠥᠯᠥᠪᠯᠡᠭᠡᠳᠤ ᠭᠥᠩᠭᠡᠵᠢᠯ ᠤᠨ ᠵᠠᠷᠤᠯᠭ᠎ᠠ 0.82 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ | 12% ᠪᠠᠭᠤᠷᠠᠭᠤᠯᠤᠨ᠎ᠠ︔ | 8︶ ᠡᠨᠧᠷᠬᠢ ᠠᠷᠪᠢᠯᠠᠨ ᠤᠷᠴᠢᠨ ᠬᠠᠮᠠᠭᠠᠯᠠᠬᠤ ᠵᠠᠷᠤᠯᠭ᠎ᠠ 1.37 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 19% ᠦᠰᠬᠡᠨ᠎ᠠ︔ | 9︶ ᠬᠤᠳᠠ ᠬᠦᠳᠡᠭᠡ ᠨᠠᠶᠢᠬᠡᠮ ᠳᠤᠭᠤᠷᠢᠭ ᠤᠨ ᠵᠠᠷᠤᠯᠭ᠎ᠠ 0.92 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 80% ᠪᠠᠭᠤᠷᠠᠭᠤᠯᠤᠨ᠎ᠠ︔ | 10︶ ᠮᠠᠯ ᠳᠠᠷᠢᠶᠠᠯᠠᠩ ᠤᠢ ᠰᠢᠭᠤᠢ ᠤᠰᠤᠨ ᠶᠠᠪᠤᠳᠠᠯ ᠤᠨ ᠵᠠᠷᠤᠯᠭ᠎ᠠ 5.26 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 62% ᠦᠰᠬᠡᠨ᠎ᠠ︔ | | 11︶ ᠵᠠᠮ ᠬᠠᠷᠢᠯᠴᠠᠭ᠎ᠠ ᠳᠡᠬᠡᠬᠡᠪᠤᠷᠢ ᠶᠢᠨ ᠵᠠᠷᠤᠯᠭ᠎ᠠ 0.97 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ67% ᠦᠰᠬᠡᠨ᠎ᠠ︔ | 12︶ ᠡᠬᠢ ᠰᠤᠷᠪᠤᠯᠵᠢ ᠶᠢ ᠬᠠᠶᠢᠨ ᠰᠢᠨᠵᠢᠯᠡᠬᠦ ᠰᠤᠷᠠᠭ ᠵᠠᠩᠬᠢ ᠵᠡᠷᠬᠡ ᠵᠠᠷᠤᠯᠭ᠎ᠠ 0.15 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 27% | ᠦᠰᠬᠡᠨ᠎ᠠ︔ | 13︶ ᠠᠷᠠᠯᠵᠢᠶ᠎ᠠ ᠤᠶᠢᠯᠡᠴᠢᠯᠡᠬᠡᠨ ᠤ ᠤᠶᠢᠯᠡᠰ ᠵᠡᠷᠬᠡ ᠵᠠᠷᠤᠯᠭ᠎ᠠ 0.04 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 67% ᠪᠠᠭᠤᠷᠠᠭᠤᠯᠤᠨ᠎ᠠ︔ | 14︶ ᠤᠯᠤᠰ ᠤᠨ ᠭᠠᠵᠠᠷ ᠰᠢᠷᠤᠢ ᠴᠠᠭ ᠠᠭᠤᠷ ᠤᠨ ᠵᠠᠷᠤᠯᠭ᠎ᠠ 0.05 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 17% ᠪᠠᠭᠤᠷᠠᠭᠤᠯᠤᠨ᠎ᠠ︔ | 15︶ ᠤᠷᠤᠨ ᠰᠠᠭᠤᠴᠠ ᠶᠢᠨ ᠪᠠᠳᠤᠯᠠᠭ᠎ᠠ ᠶᠢᠨ ᠵᠠᠷᠤᠯᠭ᠎ᠠ 0.82 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ 30% ᠦᠰᠬᠡᠨ᠎ᠠ︔ | 16︶ ᠠᠮᠤ ᠪᠤᠳᠠᠭ᠎ᠠ ᠡᠳ᠋ ᠪᠤᠳᠠᠰ ᠨᠥᠭᠡᠴᠡᠯᠡᠭᠦ ᠵᠠᠷᠤᠯᠭ᠎ᠠ 0.04 ᠳ᠋ᠦᠩᠰᠢᠭᠤᠷ ᠲᠦᠬᠦᠷᠢᠭ᠂ ᠨᠢᠳᠤᠨᠤᠨ ᠤ ᠲᠦᠰᠣᠪ ᠠᠴᠠ 33% ᠥᠰᠭᠡᠨ᠎ᠡ︔ | 17︶ ᠪᠡᠯᠡᠤᠨᠬᠡᠯ ᠵᠠᠷᠤᠳᠠᠯ 0.31 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ55% ᠥᠰᠭᠡᠨ᠎ᠡ︔ | 18︶ ᠪᠤᠰᠤᠤᠨ ᠵᠠᠷᠤᠯᠭ᠎ᠠ 8.76 ᠳ᠋ᠦᠩᠰᠢᠭᠤᠷ ᠲᠦᠬᠦᠷᠢᠭ᠂ ᠨᠢᠳᠥᠨᠥᠨ ᠤ ᠲᠥᠰᠥᠪ ᠠᠴᠠ135 % ᠦᠰᠬᠡᠨ᠎ᠠ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠲᠦᠰᠤᠪ ᠢ ︽ᠤᠷᠤᠯᠭ᠎ᠠ ᠪᠠᠷ ᠵᠠᠷᠤᠯᠭ᠎ᠠ ᠶᠢ ᠳᠤᠭᠳᠠᠭᠠᠬᠤ᠂ ᠳᠤᠰᠬᠠᠢ ᠵᠤᠭᠤᠰ ᠢ ᠳᠤᠰᠬᠠᠢ | ᠬᠡᠷᠡᠭᠯᠡᠬᠦ᠂ ᠤᠷᠤᠯᠭ᠎ᠠ ᠵᠠᠷᠤᠯᠭ᠎ᠠ ᠶᠢ ᠳᠡᠩᠴᠡᠬᠦᠷᠢᠰᠢᠬᠦᠯᠬᠦ︾ ᠵᠠᠷᠴᠢᠮ ᠢ ᠦᠨᠳᠤᠰᠤᠯᠡᠨ ᠳᠤᠭᠳᠠᠭᠠᠨ᠎ᠠ᠃ | 1. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ | 2015 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 2.02 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 19.8% ᠪᠠᠭᠤᠷᠠᠭᠤᠯᠤᠨ᠎ᠠ᠃ ᠡᠬᠦᠨ ᠳᠤ᠂ ᠬᠤᠰᠢᠭᠤ ᠳᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ | ᠰᠠᠭᠤᠷᠢ ᠮᠦᠩᠬᠦᠨ ᠤ ᠤᠷᠤᠯᠭ᠎ᠠ 1.16 ᠳ᠋ᠦᠩᠰᠢᠭᠤᠷ ᠲᠦᠬᠦᠷᠢᠭ᠂ 2.65% ᠦᠰᠬᠡᠨ᠎ᠠ︔ 2014 ᠤᠨ ᠤ ᠦᠯᠡᠳᠡᠪᠤᠷᠢ ᠶᠢᠨ ᠳ᠋ᠦᠩᠨᠡᠨ ᠰᠢᠯᠵᠢᠬᠦᠯᠦᠭᠰᠡᠨ | ᠪᠡᠯᠡ ᠮᠦᠩᠬᠦ ︵ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ ᠶᠢ ᠪᠠᠭᠳᠠᠭᠠᠨ᠎ᠠ︶ 0.86 ᠳ᠋ᠦᠩᠰᠢᠭᠤᠷ ᠲᠦᠬᠦᠷᠢᠭ᠃ | 2. ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ | 2015 ᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 2.02 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 19.8% ᠪᠠᠭᠤᠷᠠᠭᠤᠯᠤᠨ᠎ᠠ᠃ ᠡᠬᠦᠨ ᠳᠤ᠂ ᠭᠠᠵᠠᠷ ᠰᠢᠷᠤᠢ ᠳᠠᠳᠠᠪᠤᠷᠢᠯᠠᠬᠤ᠂ ᠱᠠᠩᠬᠠᠢ ᠶᠢᠨ ᠰᠦᠮ᠎ᠠ ᠪᠠᠯᠭᠠᠰᠤᠨ | ᠤ ᠠᠵᠤ ᠤᠶᠢᠯᠡᠤᠨᠪᠤᠷᠢ ᠪᠠᠷ ᠮᠠᠯ ᠳᠠᠷᠢᠶᠠᠯᠠᠩ ᠢ ᠳᠡᠤᠨᠬᠦᠬᠦ᠂ ᠰᠤᠶᠤᠯ ᠰᠤᠷᠭᠠᠨ ᠬᠦᠮᠤᠵᠢᠯ ᠡᠷᠡᠬᠦᠯ ᠬᠠᠮᠠᠭᠠᠯᠠᠯ ᠵᠢᠴᠢ ᠬᠤᠳᠠ ᠪᠠᠯᠭᠠᠰᠤᠨ ᠤ ᠰᠠᠭᠤᠷᠢ | ᠪᠠᠶᠢᠭᠤᠯᠤᠯᠳᠠ᠂ ᠪᠠᠷᠢᠯᠭ᠎ᠠ ᠶᠢᠨ ᠲᠦᠷᠤᠯ ᠤᠨ ᠦᠷᠢ ᠦᠭᠴᠡᠬᠡᠨ ᠤ ᠰᠢᠢᠤᠨᠪᠤᠷᠢᠯᠡᠯᠳᠠ ᠵᠡᠷᠬᠡ ᠳᠤ ᠨᠠᠶᠢᠳᠠ 1.17 ᠳ᠋ᠦᠩᠰᠢᠭᠤᠷ ᠲᠦᠬᠦᠷᠢᠭ︔ ᠡᠯ᠎ᠡ ᠵᠢᠯ ᠤᠨ | ᠳ᠋ᠦᠩᠨᠡᠨ ᠰᠢᠯᠵᠢᠬᠦᠯᠦᠭᠰᠡᠨ ᠳᠡᠬᠡᠳᠤ ᠱᠠᠳᠤᠨ ᠤ ᠳᠤᠰᠬᠠᠢ ᠲᠦᠷᠤᠯ ᠤᠨ ᠪᠡᠯᠡ ᠮᠦᠩᠬᠦ 0.85 ᠳ᠋ᠦᠩᠰᠢᠭᠤᠷ ᠲᠦᠬᠦᠷᠢᠭ᠃ | ︵ᠭᠤᠷᠪᠠ︶ ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ | ᠤᠯᠤᠰ ᠤᠨ ᠦᠮᠴᠢᠯᠠᠯᠳᠤ ᠬᠦᠷᠤᠩᠬᠡ ᠶᠢᠨ ᠡᠵᠡᠩᠨᠡᠯᠳᠠ ᠶᠢᠨ ᠲᠦᠰᠤᠪ ᠬᠡᠳᠡᠭ ᠨᠢ ᠵᠠᠰᠠᠭ ᠤᠨ ᠤᠷᠳᠤᠨ ᠦᠮᠴᠢᠯᠡᠭᠴᠢ ᠶᠢᠨ ᠬᠤᠪᠢ ᠪᠠᠷ ᠤᠯᠤᠰ ᠤᠨ | ᠦᠮᠴᠢᠯᠠᠯᠳᠤ ᠬᠦᠷᠤᠩᠬᠡ ᠶᠢᠨ ᠠᠰᠢᠭ ᠤᠷᠤᠯᠭ᠎ᠠ ᠶᠢ ᠬᠠᠤᠯᠢ ᠶᠤᠰᠤᠭᠠᠷ ᠤᠯᠬᠤ ᠮᠦᠷᠳᠡᠬᠡᠨ ᠤᠯᠤᠭᠰᠡᠨ ᠢᠶᠠᠨ ᠬᠤᠪᠢᠶᠠᠷᠢᠯᠠᠬᠤ ᠳᠤ ᠡᠬᠦᠰᠦᠭᠰᠡᠨ ᠡᠯ᠎ᠡ ᠵᠦᠢᠯ ᠤᠨ | ᠤᠷᠤᠯᠭ᠎ᠠ ᠵᠠᠷᠤᠯᠭ᠎ᠠ ᠶᠢᠨ ᠲᠦᠰᠤᠪ ᠢ ᠵᠢᠭᠠᠵᠤ ᠪᠤᠢ᠃ ᠲᠦᠰᠤᠪ ᠤᠨ ᠤᠷᠤᠯᠭ᠎ᠠ ᠳᠤ ᠤᠯᠤᠰ ᠤᠨ ᠪᠡᠯᠡ ᠤᠷᠤᠭᠤᠯᠤᠭᠰᠡᠨ ᠠᠵᠤ ᠠᠬᠤᠶᠢᠯᠠᠯ ᠠᠴᠠ ᠬᠤᠪᠢᠳᠠᠵᠤ | ᠤᠯᠤᠭᠰᠡᠨ ᠠᠰᠢᠭ ᠤᠷᠤᠯᠭ᠎ᠠ᠂ ᠤᠯᠤᠰ ᠤᠨ ᠦᠮᠴᠢᠯᠠᠯᠳᠤ ᠬᠦᠷᠤᠩᠬᠡ ᠶᠢ ᠰᠢᠯᠵᠢᠬᠦᠯᠦᠭᠰᠡᠨ ᠤᠷᠤᠯᠭ᠎ᠠ᠂ ᠤᠯᠤᠰ ᠤᠨ ᠪᠡᠯᠡ ᠤᠷᠤᠭᠤᠯᠤᠭᠰᠡᠨ ᠠᠵᠤ ᠠᠬᠤᠶᠢᠯᠠᠯ | ᠠᠴᠠ ᠢᠯᠭᠠᠷᠠᠭᠤᠯᠤᠨ ᠪᠤᠳᠤᠭᠰᠡᠨ ᠤᠷᠤᠯᠭ᠎ᠠ ᠪᠠᠭᠳᠠᠨ᠎ᠠ᠃ ᠰᠢᠨ᠎ᠠ ︽ᠲᠦᠰᠣᠪ ᠤᠨ ᠬᠠᠤᠯᠢ︾ ᠶᠢᠨ ᠱᠠᠭᠠᠷᠳᠠᠯᠭ᠎ᠠ ᠶᠤᠰᠤᠭᠠᠷ ᠬᠤᠶᠢᠰᠢᠳᠠ ᠮᠠᠨ ᠤ ᠬᠤᠰᠢᠭᠤ | ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠳᠤᠰᠢᠶᠠᠭᠰᠡᠨ ᠠᠰᠢᠭ ᠬᠤᠨᠵᠢᠪᠤᠷᠢ᠂ ᠤᠯᠤᠰ ᠤᠨ ᠦᠮᠴᠢᠯᠠᠯᠳᠤ ᠬᠦᠷᠤᠩᠬᠡ ᠶᠢ ᠰᠢᠯᠵᠢᠬᠦᠯᠦᠭᠰᠡᠨ ᠤᠷᠤᠯᠭ᠎ᠠ᠂ | ᠪᠡᠯᠡ ᠭᠠᠷᠭᠠᠭᠰᠡᠨ ᠠᠵᠤ ᠠᠬᠤᠶᠢᠯᠠᠯ ᠠᠴᠠ ᠢᠯᠭᠠᠷᠠᠭᠤᠯᠤᠨ ᠪᠤᠳᠤᠭᠰᠡᠨ ᠤᠷᠤᠯᠭ᠎ᠠ ᠶᠢᠨ ᠪᠠᠶᠢᠳᠠᠯ ᠢ ᠦᠨᠳᠤᠰᠤᠯᠠᠨ ᠴᠠᠭ ᠳᠤᠬᠠᠢ ᠳᠤ ᠨᠢ ᠳᠤᠭᠳᠠᠭᠠᠨ᠎ᠠ᠃ | ︵ᠲᠦᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠲᠦᠰᠤᠪ | 2015 ᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 1.91 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠨᠢᠳᠤᠨᠤᠨ ᠤ ᠲᠦᠰᠤᠪ ᠠᠴᠠ 2.55% ᠪᠠᠭᠤᠷᠠᠭᠤᠯᠤᠨ᠎ᠠ᠃ ᠡᠬᠦᠨ ᠳᠤ᠂ ᠨᠠᠰᠤᠵᠢᠯ ᠤᠨ ᠳᠠᠭᠠᠤᠨᠬᠠᠯ 1.27 ᠳ᠋ᠦᠩᠰᠢᠭᠤᠷ ᠲᠦᠬᠦᠷᠢᠭ᠂ 2. | 11% ᠪᠠᠭᠤᠷᠠᠭᠤᠯᠤᠨ᠎ᠠ︔ ᠠᠵᠢᠯ ᠠᠯᠳᠠᠭᠰᠠᠤᠨ ᠤᠨ ᠳᠠᠭᠠᠤᠨᠬᠠᠯ 0.09 ᠳ᠋ᠦᠩᠰᠢᠭᠤᠷ ᠲᠦᠬᠦᠷᠢᠭ᠂ 10% ᠪᠠᠭᠤᠷᠠᠭᠤᠯᠤᠨ᠎ᠠ︔ ᠡᠮ ᠡᠮᠨᠡᠯᠬᠡ ᠶᠢᠨ | ᠳᠠᠭᠠᠤᠨᠬᠠᠯ 0.46 ᠳ᠋ᠦᠩᠰᠢᠭᠤᠷ ᠲᠦᠬᠦᠷᠢᠭ᠂ 0.39% ᠪᠠᠭᠤᠷᠠᠭᠤᠯᠤᠨ᠎ᠠ︔ ᠠᠵᠢᠯ ᠤᠨ ᠬᠡᠮᠳᠤᠯ ᠤᠨ ᠳᠠᠭᠠᠤᠨᠬᠠᠯ 0.06 ᠳ᠋ᠦᠩᠰᠢᠭᠤᠷ ᠲᠦᠬᠦᠷᠢᠭ᠂ 8. | 92% ᠪᠠᠭᠤᠷᠠᠭᠤᠯᠤᠨ᠎ᠠ︔ ᠬᠦᠩᠬᠡᠵᠢᠯ ᠤᠨ ᠳᠠᠭᠠᠤᠨᠬᠠᠯ 0.03 ᠳ᠋ᠦᠩᠰᠢᠭᠤᠷ ᠲᠦᠬᠦᠷᠢᠭ᠂ 4.64% ᠪᠠᠭᠤᠷᠠᠭᠤᠯᠤᠨ᠎ᠠ᠃ | ᠭᠤᠷᠪᠠ᠂ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ ᠭᠠᠪᠰᠢᠭᠠᠶᠢᠯᠠᠨ ᠤᠷᠤᠭᠰᠢᠯᠠᠵᠥ᠂ 2015 ᠤᠨ ᠤ ᠡᠳ᠋ ᠤᠨ ᠵᠠᠰᠠᠭ ᠤᠨ ᠠᠵᠢᠯ ᠤᠨ ᠬᠠᠷᠠᠯᠳᠠ ᠪᠠᠨ | ᠪᠥᠭᠦ ᠲᠠᠯ᠎ᠠ ᠪᠠᠷ ᠪᠠᠶᠡᠯᠡᠭᠦᠯᠥᠨ᠎ᠡ | ︵ᠨᠢᠭᠡ︶ ᠲᠠᠳᠠᠪᠤᠷᠢᠯᠠᠯᠳᠠ ᠬᠠᠮᠢᠶᠠᠷᠤᠯᠳᠠ ᠶᠢ ᠴᠢᠩᠭᠠᠳᠬᠠᠬᠤ ᠠᠴᠠ ᠭᠠᠷᠳᠠᠨ ᠲᠠᠯᠳᠠ ᠤᠷᠤᠰᠢᠬᠤ ᠤᠷᠤᠯᠭ᠎ᠠ ᠶᠢᠨ ᠨᠡᠮᠡᠭᠳᠡᠯ ᠢ ᠴᠢᠷᠮᠠᠶᠢᠨ ᠠᠭᠤᠳᠠᠯᠠᠵᠤ᠂ ᠪᠥᠭᠦ | ᠵᠢᠯ ᠤᠨ ᠤᠷᠤᠯᠭ᠎ᠠ ᠶᠢᠨ ᠡᠭᠦᠷᠭᠡ ᠪᠠᠨ ᠪᠠᠳᠤᠯᠠᠨ᠎ᠠ᠃ ᠨᠢᠭᠡ ᠳᠤ᠂ ᠭᠠᠶᠢᠯᠢ ᠶᠢᠨ ᠶᠠᠪᠤᠳᠠᠯ ᠢ ᠬᠠᠮᠵᠢᠨ ᠬᠠᠮᠠᠭᠠᠯᠠᠬᠤ ᠠᠵᠢᠯ ᠢ ᠭᠥᠨᠵᠡᠭᠡᠶᠢᠷᠡᠭᠦᠯᠥᠨ ᠠᠬᠢᠭᠤᠯᠤᠨ᠎ᠠ᠃ | ᠪᠥᠳᠥᠮᠵᠢᠳᠤ ᠲᠠᠭᠠᠭᠠᠮᠠᠭᠠᠢ ᠬᠠᠮᠢᠶᠠᠷᠤᠯᠳᠠ ᠪᠠᠷ ᠶᠡᠷᠥᠩᠭᠡᠶᠢᠯᠡᠭᠰᠡᠨ ᠭᠠᠶᠢᠯᠢ ᠶᠢᠨ ᠬᠠᠮᠢᠶᠠᠷᠤᠯᠳᠠ ᠶᠢᠨ ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ ᠭᠠᠶᠢᠯᠢ ᠶᠢᠨ | ᠬᠠᠮᠢᠶ᠎ᠠ ᠲᠠᠢ ᠰᠤᠷᠠᠭ ᠵᠠᠩᠬᠢ ᠶᠢᠨ ᠰᠤᠯᠢᠯᠴᠠᠭ᠎ᠠ ᠶᠢ ᠴᠢᠩᠭᠠᠳᠬᠠᠨ᠂ ᠲᠠᠳᠠᠪᠤᠷᠢᠯᠠᠯᠳᠠ ᠶᠢᠨ ᠠᠵᠢᠯ ᠳᠤ ᠭᠥᠴᠥᠯᠡᠵᠥ ᠥᠷ᠎ᠡ ᠪᠥᠳᠥᠮᠵᠢ ᠶᠢ ᠲᠡᠭᠡᠭᠰᠢᠯᠡᠭᠦᠯᠥᠨ᠎ᠡ᠃ | ᠳᠤᠮᠳᠠᠳᠤ ᠤᠯᠤᠰ ᠤᠨ ᠴᠢᠯᠠᠭᠤᠨ ᠳᠤᠰᠤ ᠵᠡᠷᠬᠡ ᠲᠦᠪ ᠤᠨ ᠠᠵᠤ ᠠᠬᠤᠶᠢᠯᠠᠯ ᠲᠠᠢ ᠬᠠᠷᠢᠯᠴᠠᠬᠤ ᠡᠷᠴᠢᠮ ᠢᠶᠠᠨ ᠴᠢᠩᠭᠠᠤᠨᠬᠠᠵᠤ᠂ ᠲᠦᠪ ᠤᠨ ᠠᠵᠤ ᠠᠬᠤᠶᠢᠯᠠᠯ | ᠤᠨ ᠬᠤᠪᠢᠶᠠᠷᠢ ᠪᠠᠶᠢᠭᠤᠯᠤᠮᠵᠢ ᠶᠢ ᠬᠠᠷᠢᠶ᠎ᠠ ᠤᠷᠤᠨ ᠳᠤ ᠳᠠᠩᠰᠠᠯᠠᠭᠤᠯᠤᠨ ᠭᠠᠶᠢᠯᠢ ᠳᠤᠰᠢᠶᠠᠯᠭᠠᠨᠠ᠃ ᠬᠤᠶᠠᠷ ᠲᠤ᠂ ᠭᠥᠳᠡᠯᠥᠩᠭᠦᠢ ᠡᠵᠡᠮᠰᠢᠯ ᠰᠡᠷᠭᠡᠶᠢᠯᠡᠯᠳᠡ ᠶᠢ | ᠬᠡᠷᠡᠭᠵᠢᠬᠦᠯᠤᠨ᠎ᠠ᠃ ᠤᠯᠤᠰ ᠤᠨ ᠬᠤᠷᠸ᠎ᠠ ᠡᠵᠡᠮᠰᠢᠯ ᠤᠨ ᠲᠥᠷᠥ ᠶᠢᠨ ᠪᠤᠳᠤᠯᠭ᠎ᠠ ᠪᠤᠯᠤᠨ ᠭᠠᠶᠢᠯᠢ ᠶᠢᠨ ᠪᠤᠳᠤᠯᠭ᠎ᠠ ᠶᠢᠨ ᠲᠤᠬᠢᠷᠠᠭᠤᠯᠤᠯ ᠤᠨ ᠮᠠᠨ ᠤ ᠬᠤᠰᠢᠭᠤᠨ | ᠤ ᠡᠳ᠋ ᠤᠨ ᠵᠠᠰᠠᠭ ᠤᠷᠤᠯᠭ᠎ᠠ ᠶᠢᠨ ᠨᠡᠮᠡᠭᠳᠡᠯ ᠲᠤ ᠥᠵᠡᠭᠦᠯᠭᠦ ᠨᠥᠯᠥᠭᠡ ᠶᠢ ᠴᠢᠬᠤᠯᠠᠴᠢᠯᠠᠨ᠎ᠠ᠃ ᠠᠵᠢᠯ ᠲᠥᠷᠥᠯ᠂ ᠭᠠᠶᠢᠯᠢ ᠶᠢᠨ ᠲᠥᠷᠥᠯ ᠪᠤᠯᠤᠨ | ᠭᠤᠤᠯᠳᠠᠯᠭᠠᠳᠤ ᠭᠠᠶᠢᠯᠢ ᠶᠢᠨ ᠠᠵᠤ ᠠᠬᠤᠶᠢᠯᠠᠯ ᠤᠳ ᠤᠨ ᠭᠠᠶᠢᠯᠢ ᠶᠢᠨ ᠤᠷᠤᠯᠭ᠎ᠠ ᠶᠢᠨ ᠬᠠᠨᠳᠤᠰᠢ ᠶᠢ ᠨᠢᠭᠳᠠ ᠠᠩᠬᠠᠷᠴᠤ᠂ ᠡᠳ᠋ ᠤᠨ ᠵᠠᠰᠠᠭ ᠤᠨ ᠤᠷᠤᠯᠭ᠎ᠠ | ᠶᠢᠨ ᠵᠤᠬᠢᠴᠠᠭᠤᠯᠤᠯ ᠤᠨ ᠰᠠᠨᠠᠭᠠᠴᠢᠯᠠᠭᠠᠳᠤ ᠴᠢᠨᠠᠷ ᠪᠠ ᠤᠷᠢᠳᠴᠢᠯᠠᠯ ᠵᠢᠱᠢᠯᠳᠠ ᠶᠢ ᠲᠡᠭᠡᠭᠰᠢᠯᠡᠭᠦᠯᠥᠨ᠎ᠡ᠃ ᠭᠠᠶᠢᠯᠢ ᠶᠢᠨ ᠤᠷᠤᠯᠭ᠎ᠠ ᠶᠢᠨ ᠪᠠᠶᠢᠴᠠᠭᠠᠯᠳᠠ ᠶᠢᠨ | ᠭᠥᠴᠥᠯᠡᠴᠡ ᠪᠠᠨ ᠨᠡᠮᠡᠭᠳᠡᠭᠦᠯᠵᠥ᠂ ᠭᠠᠶᠢᠯᠢ ᠶᠢᠨ ᠤᠷᠤᠯᠭ᠎ᠠ ᠶᠢᠨ ᠵᠠᠳᠠᠯᠤᠯᠳᠠ᠂ ᠭᠠᠶᠢᠯᠢ ᠲᠤᠰᠢᠶᠠᠬᠤ ᠥᠨᠡᠯᠡᠨ ᠵᠢᠱᠢᠯᠳᠡ᠂ ᠭᠠᠶᠢᠯᠢ ᠶᠢᠨ ᠢᠷᠡᠯᠳᠡ ᠶᠢᠨ ᠡᠵᠡᠮᠰᠢᠯ | ᠪᠤᠯᠤᠨ ᠭᠠᠶᠢᠯᠢ ᠶᠢᠨ ᠶᠠᠪᠤᠳᠠᠯ ᠤᠨ ᠪᠠᠶᠢᠴᠠᠭᠠᠯᠳᠠ ᠶᠢᠨ ᠬᠤᠯᠪᠤᠭᠠᠯᠠᠨ ᠠᠵᠢᠯᠯᠠᠬᠤ ᠲᠤᠭᠳᠠᠴᠠ ᠶᠢ ᠲᠡᠭᠦᠯᠳᠡᠷᠵᠢᠭᠦᠯᠵᠥ᠂ ᠰᠤᠷᠠᠭ ᠵᠠᠩᠬᠢ ᠵᠠᠳᠠᠯᠤᠨ ᠬᠠᠷᠢᠴᠠᠭᠤᠯᠬᠤ | ᠲᠥᠪᠰᠢᠨ ᠢᠶᠠᠨ ᠳᠡᠬᠡᠭᠰᠢᠯᠡᠬᠦᠯᠤᠨ᠂ ᠭᠠᠶᠢᠯᠢ ᠭᠥᠮᠥᠷᠭᠡᠯᠡᠭᠦ ᠨᠤᠷᠮ᠎ᠠ ᠶᠢ ᠨᠡᠮᠡᠭᠳᠡᠭᠦᠯᠥᠨ᠎ᠡ᠃ ᠭᠤᠷᠪᠠ ᠳᠤ᠂ ᠭᠠᠶᠢᠯᠢ ᠶᠢᠨ ᠪᠤᠰᠤ ᠤᠷᠤᠯᠭ᠎ᠠ ᠲᠠᠳᠠᠪᠤᠷᠢᠯᠠᠯ ᠬᠢᠭᠡᠳ | ᠬᠠᠮᠢᠶᠠᠷᠤᠯᠳᠠ ᠶᠢ ᠴᠢᠩᠭᠠᠳᠬᠠᠨ᠎ᠠ᠃ ᠭᠠᠶᠢᠯᠢ ᠶᠢᠨ ᠪᠤᠰᠤ ᠤᠷᠤᠯᠭ᠎ᠠ ᠶᠢᠨ ᠵᠤᠷᠢᠭᠵᠢᠭᠤᠯᠤᠯ ᠭᠥᠯᠢᠶᠡᠰᠥᠯᠡᠯ ᠤᠨ ᠲᠥᠷᠢᠮ ᠢ ᠢᠳᠡᠪᠬᠢᠳᠡᠢ ᠰᠥᠪᠡᠭᠴᠢᠯᠡᠵᠥ᠂ | ᠵᠠᠷᠤᠳᠠᠯ ᠬᠤᠷᠢᠶᠠᠬᠤ ᠲᠥᠷᠥᠯ ᠵᠥᠢᠯ᠂ ᠡᠰᠢ ᠪᠠᠷᠢᠮᠳᠠ᠂ ᠪᠠᠷᠢᠮᠵᠢᠶ᠎ᠠ ᠲᠤᠭᠳᠠᠭᠠᠯ ᠤᠨ ᠬᠠᠮᠢᠶᠠᠷᠤᠯᠳᠠ ᠶᠢ ᠴᠢᠩᠭᠠᠳᠬᠠᠵᠤ᠂ ᠤᠷᠤᠯᠭ᠎ᠠ ᠶᠢᠨ ᠠᠬᠢᠴᠠ ᠶᠢ ᠴᠠᠭ | ᠲᠠᠷᠤᠢ ᠳᠤ ᠨᠢ ᠡᠵᠡᠮᠰᠢᠨ᠂ ᠤᠷᠤᠯᠭ᠎ᠠ ᠶᠢᠨ ᠪᠠᠶᠢᠳᠠᠯ ᠢ ᠨᠢ ᠵᠠᠳᠠᠯᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠪᠥᠭᠦ ᠲᠤᠭ᠎ᠠ ᠪᠠᠷ ᠭᠥᠮᠥᠷᠭᠡ ᠳᠤ ᠤᠷᠤᠬᠤ ᠶᠢ | ᠪᠠᠳᠤᠯᠠᠨ᠎ᠠ᠃ ᠤᠯᠤᠰ ᠤᠨ ᠥᠮᠴᠢᠯᠡᠯᠳᠤ ᠭᠥᠷᠥᠩᠭᠡ᠂ ᠤᠨᠴᠠᠭᠠᠶᠢᠯᠠᠨ ᠡᠵᠡᠩᠨᠡᠯᠳᠡ ᠶᠢᠨ ᠴᠢᠨᠠᠷᠳᠠᠢ ᠭᠥᠷᠥᠩᠭᠡ ᠶᠢᠨ ᠬᠠᠮᠢᠶᠠᠷᠤᠯᠳᠠ ᠶᠢᠨ ᠭᠥᠴᠥᠯᠡᠴᠡ ᠪᠠᠨ | ᠴᠢᠩᠭᠠᠳᠬᠠᠵᠤ᠂ ᠭᠥᠷᠥᠩᠭᠡ ᠬᠤᠭᠰᠢᠯ ᠢ ᠠᠮᠢᠳᠤᠯᠢᠭᠵᠢᠭᠤᠯᠤᠨ ᠭᠥᠷᠥᠩᠭᠡ ᠶᠢᠨ ᠥᠷᠳᠡᠭ ᠢ ᠪᠠᠳᠤᠯᠠᠨ ᠲᠡᠭᠡᠭᠰᠢᠯᠡᠭᠦᠯᠥᠨ᠎ᠡ᠃ | ︵ᠬᠤᠶᠠᠷ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠰᠠᠭᠤᠷᠢᠯᠠᠭᠤᠯᠵᠥ᠂ ᠪᠠᠳᠤᠯᠠᠭ᠎ᠠ ᠶᠢᠨ ᠭᠥᠴᠥᠯᠡᠴᠡ ᠪᠠᠨ ᠶᠡᠭᠡᠳᠭᠡᠨ᠂ ᠨᠡᠶᠢᠭᠡᠮ ᠤᠨ ᠡᠶ᠎ᠡ | ᠵᠤᠬᠢᠴᠠᠩᠭᠤᠢ ᠭᠥᠭᠵᠢᠯᠳᠡ ᠶᠢ ᠠᠬᠢᠭᠤᠯᠤᠨ᠎ᠠ᠃ ᠨᠢᠬᠡ ᠳᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢ ᠤᠷᠤᠭᠰᠢᠳᠠᠢ ᠠᠬᠢᠭᠤᠯᠬᠤ ᠶᠢ ᠪᠠᠳᠤᠯᠠᠨ᠎ᠠ᠃ | ᠰᠢᠨᠵᠢᠯᠡᠬᠦ ᠤᠬᠠᠭᠠᠨᠴᠢ ᠪᠠᠷ ᠡᠳ᠋ ᠤᠨ ᠬᠦᠴᠤᠨ ᠢᠶᠠᠨ ᠲᠦᠯᠤᠪᠵᠢᠬᠦᠯᠵᠤ᠂ ᠪᠦᠬᠦ ᠬᠤᠰᠢᠭᠤᠨ ᠤ ᠠᠷᠠᠤᠨ ᠤᠨ ᠠᠮᠢᠳᠤᠷᠠᠯ ᠤᠨ 6 ᠪᠤᠳᠠᠳᠤ ᠶᠠᠪᠤᠳᠠᠯ ᠳᠤ ᠬᠡᠷᠡᠭᠰᠡᠬᠦ | ᠪᠡᠯᠡ ᠮᠦᠩᠬᠦ ᠶᠢ ᠪᠠᠳᠤᠯᠠᠨ᠂ ᠮᠠᠯᠴᠢᠨ ᠳᠠᠷᠢᠶᠠᠴᠢᠤᠨ ᠤᠨ ᠠᠮᠢᠳᠤᠷᠠᠯ ᠤᠨ ᠲᠦᠪᠰᠢᠨ ᠪᠠ ᠠᠰᠢᠭ ᠵᠢᠷᠭᠠᠯ ᠢ ᠨᠡᠮᠡᠭᠳᠡᠬᠦᠯᠤᠨ᠎ᠠ᠃ ᠬᠤᠶᠠᠷ ᠲᠤ᠂ ︽ᠮᠠᠯ | ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ︾ ᠳᠤ ᠬᠢ ᠤᠷᠤᠭᠤᠯᠤᠯᠳᠠ ᠪᠠᠨ ᠥᠷᠭᠦᠯᠵᠢᠯᠡᠨ ᠨᠡᠮᠡᠭᠳᠡᠭᠦᠯᠥᠨ᠎ᠡ᠃ ᠨᠠᠷᠢᠯᠢᠭ ᠤᠨᠤᠪᠴᠢᠳᠠᠢ | ᠪᠠᠷ ᠶᠠᠳᠠᠭᠤ ᠶᠢ ᠲᠡᠳᠭᠦᠭᠦ ᠢᠨᠵᠧᠨᠧᠷᠢᠩ ᠪᠤᠯᠤᠨ ︽ᠠᠷᠪᠠᠨ ᠪᠦᠬᠦ ᠪᠦᠷᠬᠦᠴᠠ ᠢᠨᠵᠧᠨᠧᠷᠢᠩ︾ ᠢ ᠲᠡᠮᠵᠢᠨ᠂ ᠲᠥᠷᠥᠯ ᠵᠥᠢᠯ ᠤᠨ ᠪᠡᠯᠡ ᠮᠥᠩᠭᠦ ᠶᠢ | ᠴᠡᠭᠴᠡᠵᠢᠭᠦᠯᠵᠥ᠂ ᠪᠦᠬᠦ ᠬᠤᠰᠢᠭᠤᠨ ᠤ ᠮᠠᠯᠵᠢᠬᠤ ᠳᠠᠷᠢᠶᠠᠯᠠᠬᠤ ᠤᠷᠤᠨ ᠤ ᠨᠤᠷᠠᠬᠤ ᠠᠶᠤᠯᠳᠠᠢ ᠤᠷᠤᠨ ᠰᠠᠭᠤᠴᠠ ᠶᠢ ᠰᠢᠨᠡᠤᠨᠬᠡᠬᠦ᠂ ᠴᠠᠬᠢᠯᠭᠠᠨ ᠱᠤᠭᠤᠮ ᠨᠡᠮᠡᠬᠦ᠂ | ᠤᠰᠤ ᠤᠮᠳᠠ ᠶᠢᠨ ᠬᠦᠴᠢᠷᠳᠡᠯ ᠢ ᠰᠢᠢᠤᠨᠪᠤᠷᠢᠯᠡᠬᠦ ᠵᠡᠷᠬᠡ ᠭᠤᠤᠯᠳᠠᠯᠭᠠᠳᠤ ᠢᠨᠵᠧᠨᠧᠷᠢᠩ ᠤᠨ ᠪᠡᠯᠡ ᠮᠦᠩᠬᠦ ᠶᠢ ᠪᠠᠳᠤᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ | ᠰᠠᠭᠤᠷᠢ ᠲᠥᠭᠦᠭᠡᠷᠤᠮᠵᠢ ᠶᠢᠨ ᠴᠤᠭᠴᠠᠯᠠᠯᠳᠠ ᠶᠢ ᠴᠢᠩᠭᠠᠳᠬᠠᠵᠤ᠂ ᠤᠷᠴᠢᠨ ᠲᠤᠭᠤᠷᠢᠨ ᠤ ᠵᠠᠰᠠᠯᠳᠠ ᠶᠢ ᠥᠷᠨᠢᠭᠦᠯᠥᠨ᠂ ᠭᠥᠳᠡᠭᠡ ᠳᠤ ᠬᠢ ᠨᠡᠶᠢᠳᠡ ᠶᠢᠨ | ᠥᠢᠯᠡᠴᠢᠯᠡᠭᠡᠨ ᠤ ᠲᠥᠪᠰᠢᠨ ᠢ ᠱᠠᠯᠠᠪᠳᠠᠭᠤᠯᠤᠨ ᠲᠡᠭᠡᠭᠰᠢᠯᠡᠭᠦᠯᠥᠨ᠎ᠡ᠃ᠭᠤᠷᠪᠠ ᠳᠤ᠂ ᠰᠤᠷᠭᠠᠨ ᠭᠥᠮᠥᠵᠢᠯ ᠢ ᠤᠷᠢᠳ ᠢᠶᠠᠷ ᠭᠥᠭᠵᠢᠭᠦᠯᠭᠦ ᠶᠢ ᠪᠠᠷᠢᠮᠳᠠᠯᠠᠨ᠎ᠠ᠃ | ᠰᠤᠷᠭᠠᠨ ᠭᠥᠮᠥᠵᠢᠯ ᠤᠨ ᠤᠷᠤᠭᠤᠯᠤᠯᠳᠠ ᠶᠢ ᠲᠤᠭᠳᠠᠭᠤᠨ ᠨᠡᠮᠡᠭᠳᠡᠭᠦᠯᠭᠦ ᠲᠤᠭᠳᠠᠴᠠ ᠶᠢ ᠪᠥᠷᠢᠳᠥᠭᠦᠯᠵᠥ᠂ ᠰᠤᠷᠭᠠᠨ ᠭᠥᠮᠥᠵᠢᠯ ᠤᠨ ᠵᠠᠷᠤᠳᠠᠯ ᠢ ᠰᠢᠨᠵᠢᠯᠡᠭᠦ | ᠤᠬᠠᠭᠠᠨᠴᠢ ᠲᠤᠬᠢᠷᠠᠮᠵᠢᠳᠠᠢ ᠪᠠᠳᠤᠯᠠᠨ᠎ᠠ᠃ ᠮᠥᠩᠭᠦ ᠶᠢ ᠤᠷᠢᠳ ᠢᠶᠠᠷ ᠰᠤᠷᠭᠠᠨ ᠭᠥᠮᠥᠵᠢᠯ ᠳᠤ ᠭᠡᠷᠡᠭᠯᠡᠭᠦ ᠶᠢ ᠪᠠᠷᠢᠮᠳᠠᠯᠠᠵᠤ᠂ ᠰᠤᠷᠭᠠᠨ ᠭᠥᠮᠥᠵᠢᠯ ᠤᠨ ᠨᠡᠶᠢᠳᠡ | ᠶᠢᠨ ᠥᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠨᠠᠰᠤᠨ ᠲᠤᠷᠰᠢᠳᠠ ᠶᠢᠨ ᠰᠤᠷᠭᠠᠨ ᠭᠥᠮᠥᠵᠢᠯ ᠤᠨ ᠰᠢᠰᠲ᠋ᠧᠮ ᠢ ᠲᠡᠭᠦᠯᠳᠡᠷᠵᠢᠭᠦᠯᠥᠨ᠎ᠡ᠃ ᠰᠤᠷᠬᠤ ᠨᠠᠰᠤᠨ | ᠠᠴᠠ ᠡᠮᠥᠨᠡᠭᠢ ᠭᠥᠮᠥᠵᠢᠯ ᠤᠨ ᠤᠷᠤᠭᠤᠯᠤᠯᠳᠠ ᠶᠢ ᠴᠢᠩᠭᠠᠳᠬᠠᠵᠤ᠂ ᠰᠤᠷᠤᠭᠴᠢ ᠲᠤᠳᠤᠮ ᠤᠨ ᠴᠢᠭᠯᠡᠯ ᠲᠠᠢ ᠵᠠᠷᠤᠳᠠᠯ ᠤᠨ ᠲᠤᠭᠳᠠᠴᠠ ᠶᠢ ᠨᠠᠶᠢᠳᠠᠪᠤᠷᠢᠵᠢᠭᠤᠯᠤᠨ | ᠂ ᠳᠤᠰ ᠵᠢᠯ ᠳᠤ 3 ᠰᠠᠭᠤᠷᠢ ᠬᠡᠤᠬᠡᠤᠨ ᠤᠨ ᠴᠡᠴᠡᠷᠯᠢᠭ ᠢ ᠳᠡᠮᠵᠢᠨ ᠴᠤᠭᠴᠠᠯᠠᠨ᠎ᠠ᠃ ᠲᠦᠷᠪᠠᠳᠥ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠎ᠡ᠃ ᠨᠡᠶᠢᠳᠡ ᠶᠢᠨ ᠡᠷᠡᠭᠦᠯ ᠬᠠᠮᠠᠭᠠᠯᠠᠯ ᠤᠨ ᠤᠷᠤᠭᠤᠯᠤᠯᠳᠠ ᠶᠢ ᠨᠡᠮᠡᠭᠳᠡᠭᠦᠯᠵᠥ᠂ ᠥᠨᠳᠥᠰᠥᠨ ᠱᠠᠳᠤᠨ ᠤ ᠡᠮ ᠡᠮᠴᠢᠯᠡᠭᠡᠨ | ᠤ ᠰᠠᠯᠠᠭ᠎ᠠ ᠮᠥᠴᠢᠷ ᠤᠨ ᠶᠡᠷᠥᠩᠭᠡᠶᠢᠯᠡᠭᠰᠡᠨ ᠥᠭᠡᠷᠡᠴᠢᠯᠡᠯᠳᠡ ᠶᠢ ᠥᠷᠭᠦᠯᠵᠢᠯᠡᠭᠦᠯᠥᠨ᠂ ᠪᠥᠳᠥᠮᠵᠢᠳᠤ ᠲᠠᠭᠠᠭᠠᠮᠠᠭᠠᠢ ᠤᠯᠠᠨ ᠠᠪᠴᠠᠯᠳᠤ ᠨᠥᠭᠦᠪᠥᠷᠢ ᠶᠢᠨ ᠲᠥᠷᠢᠮ | ᠢ ᠪᠠᠶᠢᠭᠤᠯᠤᠨ ᠲᠡᠭᠦᠯᠳᠡᠷᠵᠢᠭᠦᠯᠵᠥ᠂ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠰᠠᠯᠠᠭ᠎ᠠ ᠮᠥᠴᠢᠷ ᠤᠨ ᠪᠥᠳᠥᠮᠵᠢᠳᠤ ᠠᠵᠢᠯᠯᠠᠯᠳᠠ | ᠪᠤᠯᠤᠨ ᠡᠷᠡᠭᠦᠯ ᠭᠥᠭᠵᠢᠯᠳᠡ ᠶᠢ ᠪᠠᠳᠤᠯᠠᠨ᠂ ᠡᠮᠴᠢ ᠨᠠᠷ ᠤᠨ ᠵᠤᠬᠢᠰᠳᠤ ᠬᠠᠷᠠᠭᠠᠯᠵᠠᠯ ᠢ ᠪᠠᠳᠤᠯᠠᠨ᠎ᠠ᠃ ᠬᠤᠳᠠ ᠶᠢᠨ ᠠᠷᠠᠳ ᠤᠨ ᠡᠮᠴᠢᠯᠡᠭᠡᠨ ᠤ ᠲᠠᠭᠠᠳᠬᠠᠯ ᠤᠨ | ᠲᠥᠷᠢᠮ ᠢ ᠤᠯᠠᠮ ᠲᠡᠭᠦᠯᠳᠡᠷᠵᠢᠭᠦᠯᠵᠥ᠂ ᠡᠳ᠋ ᠤᠨ ᠵᠠᠰᠠᠭ ᠤᠨ ᠨᠥᠭᠦᠪᠥᠷᠢ ᠶᠢ ᠥᠷᠭᠡᠳᠭᠡᠨ᠂ ᠭᠥᠳᠡᠭᠡ ᠶᠢᠨ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡᠨ ᠤ | ᠪᠡᠯᠡ ᠴᠤᠭᠯᠠᠭᠤᠯᠬᠤ ᠪᠠᠷᠢᠮᠵᠢᠶ᠎ᠠ ᠶᠢ ᠲᠡᠭᠡᠭᠰᠢᠯᠡᠭᠦᠯᠵᠥ᠂ ᠡᠪᠡᠳᠴᠢᠨ ᠥᠵᠡᠭᠦᠯᠥᠭᠰᠡᠳ ᠤᠨ ᠥᠪᠡᠷᠰᠡᠳ ᠤᠨ ᠲᠤᠰᠢᠶᠠᠬᠤ ᠬᠠᠷᠢᠴᠡᠯ ᠢ ᠪᠠᠭᠠᠰᠬᠠᠨ᠎ᠠ᠃ ᠨᠡᠶᠢᠳᠡ | ᠶᠢᠨ ᠡᠷᠡᠭᠦᠯ ᠬᠠᠮᠠᠭᠠᠯᠠᠯ ᠤᠨ ᠵᠠᠷᠤᠳᠠᠯ ᠢ ᠪᠠᠳᠤᠯᠠᠬᠤ ᠲᠤᠭᠳᠠᠴᠠ ᠶᠢ ᠴᠢᠩᠭᠠᠳᠬᠠᠨ᠂ ᠬᠢᠵᠢᠭ ᠰᠡᠷᠭᠡᠶᠢᠯᠡᠯ ᠪᠤᠯᠤᠨ ᠢᠳᠡᠭᠡᠨ ᠡᠮ ᠤᠨ ᠵᠥᠢᠯᠡᠰ ᠤᠨ ᠠᠮᠤᠷ | ᠲᠥᠪᠰᠢᠨ ᠤ ᠠᠵᠢᠯ ᠢ ᠳᠡᠮᠵᠢᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠪᠠ ᠡᠷᠡᠬᠦᠯ ᠮᠠᠨᠳᠤ ᠶᠢᠨ ᠬᠠᠮᠢᠶᠠᠷᠤᠯᠳᠠ ᠶᠢ ᠴᠢᠩᠭᠠᠤᠨᠬᠠᠨ᠎ᠠ᠃ ᠳᠠᠪᠤ ᠳᠤ | ᠂ ᠨᠡᠶᠢᠭᠡᠮ ᠤᠨ ᠪᠠᠳᠤᠯᠠᠭ᠎ᠠ ᠶᠢᠨ ᠠᠵᠢᠯ ᠢ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ᠂ ᠬᠤᠳᠠ | ᠭᠥᠳᠡᠭᠡ ᠶᠢᠨ ᠲᠤᠤᠷ᠎ᠠ ᠪᠠᠳᠤᠯᠠᠭ᠎ᠠ᠂ ᠲᠠᠳᠠᠪᠤᠷᠢᠠᠯᠭᠰᠠᠨ ᠭᠠᠵᠠᠷ ᠤᠨ ᠮᠠᠯᠴᠢᠨ ᠲᠠᠷᠢᠶᠠᠴᠢᠳ ᠤᠨ ᠨᠠᠰᠤᠵᠢᠯ ᠤᠨ ᠨᠥᠭᠦᠪᠥᠷᠢ ᠬᠢᠭᠡᠳ ᠠᠵᠤ ᠠᠬᠤᠶᠢᠯᠠᠯ ᠤᠨ ᠠᠵᠢᠯ | ᠠᠴᠠ ᠠᠮᠠᠷᠠᠭᠰᠠᠳ ᠤᠨ ᠨᠠᠰᠤᠵᠢᠯ ᠤᠨ ᠲᠠᠭᠠᠳᠬᠠᠯ ᠤᠨ ᠬᠡᠷᠡᠭᠵᠢᠬᠦᠯᠤᠯᠳᠠ ᠶᠢ ᠥᠷᠭᠦᠯᠵᠢᠯᠡᠨ ᠠᠬᠢᠭᠤᠯᠵᠤ᠂ ᠪᠥᠭᠦ ᠬᠤᠰᠢᠭᠤᠨ ᠤ ᠨᠠᠰᠤᠵᠢᠯ ᠤᠨ ᠲᠠᠭᠠᠳᠬᠠᠯ | ᠤᠨ ᠪᠥᠷᠭᠦᠴᠡ ᠶᠢ ᠥᠷᠭᠡᠳᠭᠡᠨ᠂ ᠪᠠᠳᠤᠯᠠᠭ᠎ᠠ ᠶᠢᠨ ᠲᠥᠪᠰᠢᠨ ᠢ ᠲᠡᠭᠡᠭᠰᠢᠯᠡᠭᠦᠯᠥᠨ᠎ᠡ᠃ ᠠᠵᠤ ᠠᠬᠤᠶᠢᠯᠠᠯ ᠤᠨ ᠠᠵᠢᠯ ᠠᠴᠠ ᠠᠮᠠᠷᠠᠭᠰᠡᠤᠨ ᠤᠨ ᠦᠨᠳᠤᠰᠤᠨ | ᠨᠠᠰᠤᠵᠢᠯ ᠤᠨ ᠮᠦᠩᠬᠦ ᠶᠢ 10% ᠨᠡᠮᠡᠭᠳᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠬᠦᠮᠤᠨ ᠳᠤᠳᠤᠮ | ᠰᠠᠷ᠎ᠠ ᠳᠤ 15 ᠲᠦᠬᠦᠷᠢᠭ ᠪᠠ 12 ᠲᠦᠬᠦᠷᠢᠭ ᠨᠡᠮᠡᠭᠳᠡᠬᠦᠯᠤᠨ᠂ ᠡᠮ ᠡᠮᠨᠡᠯᠬᠡ ᠶᠢᠨ ᠳᠠᠭᠠᠤᠨᠬᠠᠯ ᠶᠢᠨ ᠪᠡᠯᠡ ᠬᠤᠷᠠᠮᠳᠤᠭᠤᠯᠬᠤ ᠪᠠᠷᠢᠮᠵᠢᠶ᠎ᠠ ᠶᠢ 60 ᠲᠦᠬᠦᠷᠢᠭ | ᠪᠠ 46 ᠲᠦᠬᠦᠷᠢᠭ ᠨᠡᠮᠡᠭᠳᠡᠬᠦᠯᠵᠤ᠂ ᠨᠠᠰᠤᠵᠢᠯ ᠤᠨ ᠮᠦᠩᠬᠦ ᠶᠢᠨ ᠪᠠᠷᠢᠮᠵᠢᠶ᠎ᠠ ᠶᠢ 15 ᠲᠦᠬᠦᠷᠢᠭ ᠨᠡᠮᠡᠭᠳᠡᠬᠦᠯᠤᠨ᠎ᠠ᠃ ᠬᠤᠳᠠ ᠭᠥᠳᠡᠭᠡ ᠶᠢᠨ ᠲᠤᠤᠷ᠎ᠠ | ᠪᠠᠳᠤᠯᠠᠭᠠᠳᠤ ᠡᠳᠡᠭᠡᠳ᠂ ᠭᠥᠳᠡᠭᠡ ᠶᠢᠨ ᠲᠠᠪᠤᠨ ᠪᠠᠳᠤᠯᠠᠭᠠᠳᠤ ᠡᠷᠥᠭᠡ ᠪᠤᠯᠤᠨ ᠠᠮᠢᠳᠤᠷᠠᠯ ᠨᠢ ᠤᠨᠴᠠ ᠭᠥᠴᠢᠷᠳᠡᠯ ᠲᠠᠢ ᠭᠥᠮᠥᠰ ᠲᠤ ᠪᠠᠷᠠᠭᠠᠨ ᠤ ᠬᠠᠩᠰᠢ ᠶᠢᠨ | ᠨᠥᠭᠦᠪᠥᠷᠢ ᠤᠯᠭᠤᠵᠤ᠂ ᠪᠠᠷᠠᠭᠠᠨ ᠤ ᠥᠨ᠎ᠡ ᠥᠰᠥᠭᠰᠡᠨ ᠠᠴᠠ ᠪᠤᠯᠵᠤ ᠠᠮᠢᠳᠤᠷᠠᠯ ᠳᠤ ᠨᠢ ᠲᠤᠯᠭᠠᠷᠠᠭᠰᠠᠨ ᠭᠥᠴᠢᠷᠳᠡᠯ ᠢ ᠪᠥᠳᠥᠮᠵᠢᠳᠠᠢ ᠨᠠᠮᠳᠠᠭᠠᠨ᠎ᠠ᠃ | ᠵᠡᠮᠳᠡᠭᠴᠤᠳ ᠤᠨ ᠡᠯ᠎ᠡ ᠲᠥᠷᠥᠯ ᠤᠨ ᠠᠵᠢᠯ ᠥᠢᠯᠡᠰ ᠢ ᠭᠥᠭᠵᠢᠭᠦᠯᠥᠨ᠂ ᠲᠡᠳᠡᠠ ᠤ ᠥᠨᠳᠥᠰᠥᠨ ᠬᠠᠷᠠᠭᠠᠯᠵᠠᠯ ᠢ ᠪᠠᠳᠤᠯᠠᠨ᠎ᠠ᠃ ᠠᠵᠢᠯ ᠤᠯᠤᠯᠳᠠ ᠪᠠ ᠲᠠᠬᠢᠨ | ᠠᠵᠢᠯ ᠤᠯᠤᠯᠳᠠ ᠶᠢ ᠲᠡᠮᠵᠢᠭᠦ ᠲᠥᠷᠥ ᠶᠢᠨ ᠪᠤᠳᠤᠯᠭ᠎ᠠ ᠶᠢ ᠥᠷᠭᠦᠵᠢᠯᠡᠨ ᠨᠠᠶᠢᠳᠠᠪᠤᠷᠢᠵᠢᠭᠤᠯᠵᠤ᠂ ᠭᠥᠴᠢᠷᠳᠡᠯᠳᠡᠢ ᠡᠳᠡᠭᠡᠳ ᠤᠨ ᠲᠠᠬᠢᠨ ᠠᠵᠢᠯ ᠤᠯᠤᠯᠳᠠ ᠶᠢ | ᠢᠳᠡᠪᠬᠢᠳᠡᠢ ᠲᠡᠮᠵᠢᠨ᠂ ᠠᠵᠢᠯ ᠤᠯᠤᠯᠳᠠ ᠶᠢᠨ ᠪᠥᠭᠦ ᠪᠠᠶᠢᠳᠠᠯ ᠢ ᠲᠤᠭᠳᠠᠪᠤᠷᠢᠵᠢᠭᠤᠯᠤᠨ᠎ᠠ᠃ ᠵᠢᠷᠭᠤᠭ᠎ᠠ ᠳᠤ᠂ ᠨᠡᠶᠢᠭᠡᠮ ᠤᠨ ᠬᠠᠮᠢᠶᠠᠷᠤᠯᠳᠠ ᠶᠢᠨ ᠰᠢᠨᠡᠴᠢᠯᠡᠯᠳᠡ | ᠶᠢ ᠲᠡᠮᠵᠢᠵᠤ ᠴᠢᠩᠭᠠᠳᠬᠠᠨ᠎ᠠ᠃ ᠡᠳ᠋ ᠤᠨ ᠵᠠᠰᠠᠭ ᠤᠨ ᠤᠷᠤᠭᠤᠯᠤᠯᠳᠠ ᠶᠢ ᠴᠢᠩᠭᠠᠳᠬᠠᠨ᠂ ᠨᠡᠶᠢᠳᠡ ᠶᠢᠨ ᠡᠳ᠋ ᠤᠨ ᠵᠠᠰᠠᠭ ᠤᠨ ᠨᠡᠶᠢᠭᠡᠮ ᠤᠨ ᠬᠠᠮᠢᠶᠠᠷᠤᠯᠳᠠ ᠳᠤ | ᠬᠢ ᠤᠷᠤᠭᠤᠯᠤᠯᠳᠠ ᠶᠢ ᠵᠢᠯ ᠲᠤᠰᠤᠮ ᠨᠡᠮᠡᠭᠳᠡᠭᠦᠯᠥᠨ᠎ᠡ᠃ ᠤᠯᠠᠨ ᠨᠡᠶᠢᠳᠡ ᠶᠢᠨ ᠠᠮᠤᠷ ᠲᠥᠪᠰᠢᠨ ᠤ ᠲᠤᠭᠳᠠᠴᠠ ᠶᠢᠨ ᠪᠠᠶᠢᠭᠤᠯᠤᠯᠳᠠ ᠶᠢ ᠲᠡᠮᠵᠢᠵᠤ᠂ ᠠᠮᠤᠷ | ᠬᠠᠮᠠᠭᠠᠯᠠᠯᠳᠠ ᠰᠡᠷᠭᠡᠶᠢᠯᠡᠨ ᠡᠵᠡᠮᠰᠢᠯᠳᠡ᠂ ᠠᠶᠤᠯᠭᠦᠢ ᠥᠢᠯᠡᠳᠪᠥᠷᠢᠯᠡᠯ ᠪᠤᠯᠤᠨ ᠪᠠᠴᠢᠮ ᠠᠷᠭᠠᠴᠠᠯᠳᠠ ᠶᠢᠨ ᠬᠠᠮᠢᠶᠠᠷᠤᠯᠳᠠ ᠶᠢ ᠴᠢᠩᠭᠠᠳᠬᠠᠨ᠂ ᠠᠷᠠᠳ ᠤᠯᠠᠨ ᠤ | ᠠᠮᠤᠷ ᠲᠥᠪᠰᠢᠨ ᠢ ᠤᠯᠠᠮ ᠪᠠᠳᠤᠯᠠᠨ᠎ᠠ᠃ | ︵ᠭᠤᠷᠪᠠ︶ ᠥᠭᠡᠷᠡᠴᠢᠯᠡᠯᠳᠡ ᠰᠢᠨᠡᠴᠢᠯᠠᠯᠳᠠ ᠪᠠᠷ ᠭᠥᠳᠡᠯᠭᠡᠭᠦ ᠭᠥᠴᠥᠨ ᠪᠤᠯᠭᠠᠵᠤ᠂ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ | ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠬᠤ ᠲᠥᠪᠰᠢᠨ ᠢᠶᠠᠨ ᠲᠡᠭᠡᠭᠰᠢᠯᠡᠭᠦᠯᠥᠨ᠎ᠡ᠃ ᠨᠢᠭᠡ ᠳᠤ᠂ ᠲᠥᠰᠥᠪ ᠤᠨ ᠬᠠᠮᠢᠶᠠᠷᠤᠯᠳᠠ ᠶᠢᠨ ᠥᠭᠡᠷᠡᠴᠢᠯᠡᠯᠳᠡ ᠶᠢ | ᠯᠠᠪᠳᠠᠭᠤᠨ ᠠᠬᠢᠭᠤᠯᠤᠨ᠎ᠠ᠃ ︽ᠳ᠋ᠥᠩᠨᠡᠵᠥ ᠲᠡᠭᠦᠯᠳᠡᠷᠵᠢᠭᠦᠯᠥᠨ ᠰᠠᠶᠢᠵᠢᠷᠠᠭᠤᠯᠵᠤ ᠨᠡᠮᠡᠭᠳᠡᠭᠦᠯᠭᠦ︾ ᠶᠡᠷᠥᠩᠭᠡᠢ ᠱᠠᠭᠠᠷᠳᠠᠯᠭ᠎ᠠ ᠶᠤᠰᠤᠭᠠᠷ ᠰᠠᠯᠠᠭ᠎ᠠ ᠮᠥᠴᠢᠷ ᠤᠳ ᠤᠨ | ᠲᠥᠰᠥᠪ ᠢ ᠨᠡᠩ ᠲᠡᠭᠦᠯᠳᠡᠷᠵᠢᠭᠦᠯᠵᠥ᠂ ᠲᠥᠰᠥᠪ ᠤᠨ ᠵᠠᠷᠤᠯᠭ᠎ᠠ ᠶᠢᠨ ᠲᠥᠷᠥᠯ ᠵᠥᠢᠯ ᠢ ᠨᠠᠷᠢᠯᠢᠭᠵᠢᠭᠤᠯᠤᠨ᠂ ᠨᠡᠶᠢᠳᠡ ᠶᠢᠨ ᠡᠳ᠋ ᠤᠨ ᠵᠠᠰᠠᠭ ᠤᠨ ᠵᠠᠷᠤᠯᠭ᠎ᠠ ᠶᠢᠨ | ᠪᠥᠳᠥᠴᠡ ᠶᠢ ᠰᠢᠯᠢᠳᠡᠭᠵᠢᠭᠦᠯᠥᠨ᠎ᠡ᠃ ᠲᠥᠷᠥᠯ ᠵᠥᠢᠯ ᠤᠨ ᠵᠠᠷᠤᠯᠭ᠎ᠠ ᠲᠤᠭᠳᠠᠭᠠᠬᠤ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠳᠠ ᠶᠢ ᠢᠳᠡᠪᠬᠢᠳᠡᠢ | ᠰᠥᠪᠡᠭᠴᠢᠯᠡᠨ᠂ ᠲᠥᠰᠥᠪ ᠤᠨ ᠲᠤᠭᠳᠠᠭᠠᠯᠳᠠ ᠶᠢᠨ ᠰᠢᠨᠵᠢᠯᠡᠭᠦ ᠤᠬᠠᠭᠠᠨᠴᠢ ᠴᠢᠨᠠᠷ ᠪᠤᠯᠤᠨ ᠲᠦᠪ ᠭᠤᠤᠯᠴᠢ ᠴᠢᠨᠠᠷ ᠢ ᠴᠢᠬᠤᠯᠠᠴᠢᠯᠠᠨ᠎ᠠ᠃ ᠲᠥᠰᠥᠪ ᠤᠨ | ᠬᠠᠮᠢᠶᠠᠷᠤᠯᠳᠠ ᠪᠤᠯᠤᠨ ᠭᠥᠷᠥᠩᠭᠡ ᠶᠢᠨ ᠬᠠᠮᠢᠶᠠᠷᠤᠯᠳᠠ᠂ ᠪᠥᠳᠥᠮᠵᠢ ᠶᠢᠨ ᠬᠠᠷᠠᠯᠳᠠᠳᠤ ᠬᠠᠮᠢᠶᠠᠷᠤᠯᠳᠠ ᠶᠢ ᠤᠷᠭᠠᠨᠢᠭ ᠨᠢᠭᠡᠳᠭᠡᠵᠤ᠂ ᠪᠥᠳᠥᠮᠵᠢ ᠶᠢᠨ ᠥᠨᠡᠯᠡᠯᠳᠡ | ᠶᠢᠨ ᠥᠷ᠎ᠡ ᠳ᠋ᠥᠩ ᠢ ᠭᠥᠨᠳᠥᠳᠭᠡᠵᠥ ᠭᠡᠷᠡᠭᠯᠡᠨ᠂ ᠡᠳ᠋ ᠤᠨ ᠵᠠᠰᠠᠭ ᠤᠨ ᠪᠡᠯᠡ ᠮᠥᠩᠭᠦ ᠭᠡᠷᠡᠭᠯᠡᠭᠦ ᠥᠷ᠎ᠡ ᠠᠰᠢᠭ ᠪᠤᠯᠤᠨ ᠠᠰᠢᠭ ᠤᠨ ᠨᠤᠷᠮ᠎ᠠ ᠶᠢ ᠲᠡᠭᠡᠭᠰᠢᠯᠡᠭᠦᠯᠵᠥ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠥᠷᠢᠳᠤ ᠬᠠᠮᠢᠶᠠᠷᠤᠯᠳᠠ ᠳᠤ ᠪᠥᠳᠥᠮᠵᠢᠳᠠᠢ ᠲᠥᠷᠭᠡᠨ ᠥᠢᠯᠡᠴᠢᠯᠡᠭᠡ ᠬᠠᠩᠭᠠᠨ᠎ᠠ᠃ ᠬᠤᠶᠠᠷ ᠲᠤ᠂ | ᠪᠡᠯᠡ ᠮᠥᠩᠭᠦ ᠶᠢ ᠤᠯᠤᠰ ᠤᠨ ᠭᠥᠮᠥᠷᠭᠡ ᠠᠴᠠ ᠲᠥᠪᠯᠡᠷᠡᠩᠭᠦᠢ ᠭᠠᠷᠭᠠᠬᠤ ᠥᠭᠡᠷᠡᠴᠢᠯᠡᠯᠳᠡ ᠶᠢ ᠤᠯᠠᠮ ᠪᠠᠬᠢᠵᠢᠭᠦᠯᠥᠨ᠎ᠡ᠃ ᠰᠠᠯᠠᠭ᠎ᠠ ᠮᠦᠴᠢᠷ ᠤᠨ ᠲᠥᠰᠥᠪ ᠲᠤ | ᠰᠠᠭᠤᠷᠢᠯᠠᠨ ᠲᠥᠰᠥᠪ ᠢᠶᠠᠷ ᠬᠢᠵᠠᠭᠠᠷᠯᠠᠬᠤ ᠶᠢ ᠴᠢᠩᠭᠠᠳᠬᠠᠨ᠂ ᠲᠥᠰᠥᠪ ᠤᠨ ᠭᠡᠷᠡᠭᠵᠢᠭᠦᠯᠥᠯᠳᠡ ᠲᠤᠮᠳᠠᠬᠢ ᠠᠰᠠᠭᠤᠳᠠᠯ ᠢ ᠴᠠᠭ ᠲᠠᠷᠤᠢ ᠳᠤ ᠨᠢ ᠤᠶᠢᠯᠠᠭᠠᠨ | ᠡᠵᠡᠮᠳᠡᠵᠥ᠂ ᠴᠠᠭ ᠲᠠᠷᠠᠭᠠᠯᠠᠯ ᠪᠤᠯᠤᠨ ᠲᠥᠷᠥᠯ ᠵᠥᠢᠯ ᠤᠨ ᠠᠬᠢᠴᠠ ᠶᠤᠰᠤᠭᠠᠷ ᠪᠡᠯᠡ ᠪᠠᠭᠤᠯᠭᠠᠨ᠂ ᠲᠥᠰᠥᠪ ᠤᠨ ᠭᠡᠷᠡᠭᠵᠢᠭᠦᠯᠥᠯᠳᠡ ᠶᠢᠨ ᠶᠢᠨ ᠴᠠᠭ | ᠬᠤᠭᠤᠴᠠᠭᠠᠳᠤ ᠴᠢᠨᠠᠷ ᠪᠠ ᠲᠡᠩᠴᠡᠭᠦᠷᠢᠳᠤ ᠴᠢᠨᠠᠷ ᠢ ᠴᠢᠩᠭᠠᠳᠬᠠᠨ᠎ᠠ᠃ ᠪᠡᠯᠡ ᠮᠥᠩᠭᠦ ᠶᠢ ᠤᠯᠤᠰ ᠤᠨ ᠭᠥᠮᠥᠷᠭᠡ ᠠᠴᠠ ᠭᠠᠷᠭᠠᠬᠤ ᠭᠥᠳᠡᠯᠥᠩᠭᠦᠢ ᠬᠢᠨᠠᠯᠳᠠ | ᠡᠵᠡᠮᠰᠢᠯ ᠢ ᠭᠡᠷᠡᠭᠵᠢᠭᠦᠯᠵᠥ᠂ ᠤᠯᠤᠰ ᠤᠨ ᠭᠥᠮᠥᠷᠭᠡ ᠠᠴᠠ ᠲᠥᠪᠯᠡᠷᠡᠩᠭᠦᠢ ᠤᠯᠭᠤᠬᠤ ᠪᠡᠯᠡ ᠭᠡᠷᠡᠭᠯᠡᠯᠳᠡ ᠶᠢᠨ ᠶᠠᠪᠤᠴᠠ ᠪᠠ ᠡᠮᠥᠨ᠎ᠡ ᠬᠤᠶᠢᠨᠠᠬᠢ ᠶᠢᠨ ᠪᠥᠭᠦ | ᠠᠵᠢᠯᠯᠠᠭ᠎ᠠ ᠶᠢ ᠴᠠᠭ ᠲᠠᠷᠤᠢ ᠳᠤ ᠨᠢ ᠬᠢᠨᠠᠵᠤ ᠡᠵᠡᠮᠰᠢᠨ᠂ ᠪᠡᠯᠡ ᠮᠥᠩᠭᠦᠨ ᠤ ᠠᠮᠤᠷ ᠲᠥᠪᠰᠢᠨ ᠢ ᠪᠠᠳᠤᠯᠠᠨ᠎ᠠ᠃ ︽ᠠᠯᠪᠠᠨ ᠺᠠᠷᠲ︾ ᠤᠨ ᠬᠡᠷᠡᠭᠯᠡᠭᠡ ᠶᠢ | ᠬᠦᠴᠤᠳᠠᠢ ᠠᠬᠢᠭᠤᠯᠵᠤ᠂ ᠲᠦᠷᠢᠮ ᠢ ᠵᠦᠷᠢᠴᠠᠨ ᠡᠳ᠋ ᠤᠨ ᠵᠠᠰᠠᠭ ᠤᠨ ᠪᠡᠯᠡ ᠮᠦᠩᠬᠦ ᠶᠢ ᠬᠡᠷᠭᠯᠡᠬᠦ ᠦᠵᠡᠭᠳᠡᠯ ᠢ ᠲᠤᠶᠢᠯᠪᠤᠷᠢᠳᠠᠢ ᠦᠬᠡᠶᠢᠰᠬᠡᠨᠠ᠃ ᠭᠤᠷᠪᠠ ᠳᠤ᠂ | ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠠᠵᠢᠯ ᠢ ᠤᠯᠠᠮ ᠭᠥᠨᠵᠡᠭᠡᠶᠢᠷᠡᠭᠦᠯᠥᠨ᠎ᠡ᠃ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠭᠥᠷᠢᠶ᠎ᠡ ᠬᠡᠪᠴᠢᠶ᠎ᠡ | ᠶᠢ ᠲᠠᠰᠤᠷᠠᠯᠳᠠ ᠥᠭᠡᠢ ᠥᠷᠭᠡᠳᠭᠡᠵᠥ᠂ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠠᠵᠢᠯ ᠤᠨ ᠴᠢᠮᠡᠭᠡ | ᠵᠠᠩᠬᠢᠴᠢᠯᠠᠭᠰᠠᠨ ᠬᠠᠮᠢᠶᠠᠷᠤᠯᠳᠠ ᠶᠢᠨ ᠲᠥᠪᠰᠢᠨ ᠢ ᠲᠡᠭᠡᠭᠰᠢᠯᠡᠭᠦᠯᠥᠨ᠎ᠡ᠃ ᠲᠥᠷᠪᠡ ᠳᠤ᠂ ᠡᠳ᠋ ᠤᠨ ᠵᠠᠰᠠᠭ ᠤᠨ ᠪᠥᠳᠥᠮᠵᠢ ᠶᠢᠨ ᠬᠠᠮᠢᠶᠠᠷᠤᠯᠳᠠ ᠶᠢ ᠠᠬᠢᠭᠤᠯᠤᠨ᠎ᠠ᠃ | ᠪᠥᠳᠥᠮᠵᠢ ᠶᠢᠨ ᠬᠠᠷᠠᠯᠳᠠᠳᠤ ᠬᠠᠮᠢᠶᠠᠷᠤᠯᠳᠠ ᠶᠢᠨ ᠠᠷᠭ᠎ᠠ ᠶᠢ ᠢᠳᠡᠪᠬᠢᠳᠡᠢ ᠰᠥᠪᠡᠭᠴᠢᠯᠡᠵᠥ᠂ ᠪᠥᠳᠥᠮᠵᠢ ᠪᠠᠷ ᠬᠠᠷᠠᠯᠳᠠ ᠪᠤᠯᠭᠠᠵᠤ ᠳ᠋ᠥᠩ ᠢᠶᠠᠷ ᠴᠢᠭᠯᠡᠯᠳᠡ | ᠪᠤᠯᠭᠠᠨ ᠲᠥᠷᠥᠯ ᠵᠥᠢᠯ ᠤᠨ ᠥᠪᠡᠷ ᠤᠨ ᠥᠷᠳᠡᠭ ᠢᠶᠠᠷ ᠰᠢᠯᠭᠠᠬᠤ ᠪᠠᠷᠢᠮᠵᠢᠶ᠎ᠠ ᠪᠤᠯᠭᠠᠵᠤ ᠪᠥᠳᠥᠮᠵᠢ ᠶᠢᠨ ᠥᠨᠡᠯᠡᠯᠳᠡ ᠪᠠᠷ ᠭᠤᠤᠯ ᠴᠥᠮ᠎ᠡ ᠪᠤᠯᠭᠠᠭᠰᠠᠨ | ᠪᠥᠳᠥᠮᠵᠢ ᠶᠢᠨ ᠬᠠᠮᠢᠶᠠᠷᠤᠯᠳᠠ ᠶᠢᠨ ᠰᠢᠰᠲ᠋ᠧᠮ ᠢ ᠴᠤᠭᠴᠠᠯᠠᠨ ᠲᠡᠭᠦᠯᠳᠡᠷᠵᠢᠭᠦᠯᠵᠥ᠂ ᠡᠳ᠋ ᠤᠨ ᠵᠠᠰᠠᠭ ᠤᠨ ᠨᠢᠭᠡ ᠪᠥᠯᠥᠭ ᠲᠤᠰᠬᠠᠢ ᠲᠥᠷᠥᠯ ᠤᠨ ᠪᠡᠯᠡ ᠮᠥᠩᠭᠦᠨ | ᠤ ᠪᠥᠳᠥᠮᠵᠢ ᠶᠢᠨ ᠬᠠᠮᠢᠶᠠᠷᠤᠯᠳᠠ ᠶᠢᠨ ᠠᠵᠢᠯ ᠢ ᠥᠷᠨᠢᠭᠦᠯᠥᠨ᠂ ᠡᠳ᠋ ᠤᠨ ᠵᠠᠰᠠᠭ ᠤᠨ ᠬᠠᠮᠢᠶᠠᠷᠤᠯᠳᠠ ᠶᠢᠨ ᠲᠥᠪᠰᠢᠨ ᠢ ᠪᠥᠭᠦ ᠲᠠᠯ᠎ᠠ ᠪᠠᠷ ᠲᠡᠭᠡᠭᠰᠢᠯᠡᠭᠦᠯᠥᠨ᠎ᠡ᠃ | ᠲᠠᠪᠤ ᠳᠤ᠂ ᠵᠠᠰᠠᠭ ᠵᠠᠬᠢᠷᠭ᠎ᠠ ᠠᠵᠢᠯ ᠥᠢᠯᠡᠰ ᠤᠨ ᠨᠢᠭᠡᠴᠢ ᠶᠢᠨ ᠲᠤᠭᠳᠠᠮᠠᠯ ᠭᠥᠷᠥᠩᠭᠡ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠮᠠᠨ ᠤ ᠬᠤᠰᠢᠭᠤᠨ ᠤ ᠵᠠᠰᠠᠭ | ᠵᠠᠬᠢᠷᠭ᠎ᠠ ᠠᠵᠢᠯ ᠥᠢᠯᠡᠰ ᠤᠨ ᠨᠢᠭᠡᠴᠢ ᠶᠢᠨ ᠲᠤᠭᠳᠠᠮᠠᠯ ᠭᠥᠷᠥᠩᠭᠡ ᠶᠢᠨ ᠬᠠᠮᠢᠶᠠᠷᠤᠯᠳᠠ ᠶᠢ ᠤᠯᠠᠮ ᠲᠥᠷᠢᠮᠵᠢᠭᠦᠯᠥᠨᠡ᠃ ᠤᠤᠯ ᠭᠥᠷᠥᠩᠭᠡ ᠶᠢ | ᠠᠮᠢᠳᠤᠯᠢᠭᠵᠢᠭᠤᠯᠵᠤ᠂ ᠤᠯᠤᠰ ᠤᠨ ᠥᠮᠴᠢᠯᠡᠯᠳᠤ ᠭᠥᠷᠥᠩᠭᠡ ᠶᠢ ᠵᠤᠬᠢᠰᠳᠠᠢ ᠲᠤᠬᠢᠷᠠᠭᠤᠯᠬᠤ ᠪᠤᠶᠤ ᠪᠥᠳᠥᠮᠵᠢᠳᠠᠢ ᠠᠰᠢᠭᠯᠠᠨ ᠤᠯᠤᠰ ᠤᠨ ᠥᠮᠴᠢᠯᠡᠯᠳᠤ | ᠭᠥᠷᠥᠩᠭᠡ ᠶᠢᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠥᠨ᠎ᠡ᠃ ᠵᠢᠷᠭᠤᠭ᠎ᠠ ᠳᠤ᠂ ᠥᠨᠳᠥᠰᠥᠨ ᠱᠠᠳᠤᠨ ᠤ ᠡᠳ᠋ ᠤᠨ ᠵᠠᠰᠠᠭ ᠤᠨ ᠬᠠᠮᠢᠶᠠᠷᠤᠯᠳᠠ ᠶᠢ | ᠴᠢᠩᠭᠠᠳᠬᠠᠨ᠎ᠠ᠃ ᠡᠳ᠋ ᠤᠨ ᠵᠠᠰᠠᠭ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠡᠷᠭᠡᠪᠰᠢ ᠭᠥᠢᠴᠡᠳᠭᠡᠭᠦᠯᠥᠨ᠂ | ᠥᠨᠳᠥᠰᠥᠨ ᠱᠠᠳᠤᠨ ᠤ ᠡᠳ᠋ ᠤᠨ ᠵᠠᠰᠠᠭ ᠤᠨ ᠬᠠᠮᠢᠶᠠᠷᠤᠯᠳᠠ ᠪᠠᠶᠢᠭᠤᠯᠤᠯᠳᠠ ᠶᠢ ᠭᠥᠨᠵᠡᠭᠡᠶᠢᠷᠡᠭᠦᠯᠥᠨ᠂ ᠡᠯ᠎ᠡ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠤᠨ | ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠭᠠᠵᠠᠷ ᠤᠨ ᠬᠠᠮᠢᠶᠠᠷᠤᠯᠳᠠ ᠶᠢᠨ ᠲᠥᠪᠰᠢᠨ ᠢ ᠲᠡᠭᠡᠭᠰᠢᠯᠡᠭᠦᠯᠥᠨ᠂ | ᠨᠡᠶᠢᠳᠡ ᠶᠢᠨ ᠥᠢᠯᠡᠴᠢᠯᠡᠭᠡ ᠬᠠᠩᠭᠠᠬᠤ ᠴᠢᠳᠠᠪᠬᠢ ᠶᠢ ᠲᠡᠭᠦᠯᠳᠡᠷᠵᠢᠭᠦᠯᠥᠨ᠎ᠡ᠃ ᠳᠤᠯᠤᠭ᠎ᠠ ᠳᠤ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠬᠡᠨ ᠤ | ᠬᠠᠮᠢᠶᠠᠷᠤᠯᠳᠠ ᠬᠢᠵᠠᠭᠠᠷᠯᠠᠯᠳᠠ ᠶᠢ ᠴᠢᠩᠭᠠᠤᠨᠬᠠᠨ᠎ᠠ᠃ ︽ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠬᠡᠨ ᠤ ᠬᠠᠮᠢᠶᠠᠷᠤᠯᠳᠠ ᠶᠢ ᠴᠢᠩᠭᠠᠤᠨᠬᠠᠬᠤ ᠳᠤᠬᠠᠢ | ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠠ ︽ᠤᠳᠤᠭ ᠤᠨ ᠡᠮᠤᠨᠡᠳᠤ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠬᠡᠨ ᠤ | ᠬᠠᠮᠢᠶᠠᠷᠤᠯᠳᠠ ︵ᠲᠦᠷ ᠬᠡᠷᠡᠭᠵᠢᠬᠦᠯᠬᠦ︶ ᠶᠢᠨ ᠠᠷᠭ᠎ᠠ︾ ᠵᠡᠷᠬᠡ ᠳᠤᠭᠳᠠᠭᠠᠯ ᠶᠤᠰᠤᠭᠠᠷ ᠦᠷᠢ ᠦᠭᠴᠡᠭᠡ ᠶᠢ ᠬᠠᠮᠢᠶᠠᠷᠤᠨ ᠬᠢᠵᠠᠭᠠᠷᠯᠠᠵᠤ᠂ ᠵᠠᠰᠠᠭ ᠤᠨ ᠤᠷᠳᠤᠨ ᠤ | ᠴᠢᠨᠠᠷᠳᠠᠢ ᠦᠷᠢ ᠦᠭᠴᠡᠭᠡ ᠶᠢᠨ ︽ᠵᠢᠬᠡᠯᠡᠬᠦ᠂ ᠬᠡᠷᠡᠭᠯᠡᠬᠦ᠂ ᠪᠤᠴᠠᠭᠠᠬᠤ︾ ᠠᠵᠢᠯᠯᠠᠭ᠎ᠠ ᠶᠢ ᠲᠦᠷᠢᠮᠵᠢᠬᠦᠯᠤᠨ᠂ ᠦᠷᠢ ᠦᠭᠴᠡᠭᠡ ᠶᠢᠨ ᠲᠦᠭᠰᠢᠬᠦᠷᠢ ᠶᠢ ᠰᠡᠷᠬᠡᠶᠢᠯᠡᠬᠦ | ᠪᠠ ᠰᠢᠢᠤᠨᠪᠤᠷᠢᠯᠠᠨᠠ᠃ | ︵ᠲᠥᠷᠪᠡ︶ ᠬᠤᠪᠢ ᠪᠡᠶ᠎ᠡ ᠶᠢᠨ ᠴᠤᠭᠴᠠᠯᠠᠯᠳᠠ ᠶᠢ ᠭᠤᠤᠯᠴᠢᠯᠠᠨ᠂ ᠥᠢᠯᠡᠴᠢᠯᠡᠭᠡᠨ ᠤ ᠤᠬᠠᠮᠰᠠᠷ ᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠬᠡᠪ | ᠪᠤᠯᠪᠠᠰᠤᠷᠠᠯ ᠢ ᠲᠡᠭᠡᠭᠰᠢᠯᠡᠭᠦᠯᠥᠨ᠎ᠡ᠃ ᠨᠢᠭᠡ ᠳᠤ᠂ ᠭᠥᠮᠥᠵᠢᠯ ᠪᠤᠯᠪᠠᠰᠤᠷᠠᠯ ᠢ ᠴᠢᠬᠤᠯᠠᠴᠢᠯᠠᠨ ᠡᠳ᠋ ᠤᠨ ᠵᠠᠰᠠᠭ ᠤᠨ ᠠᠵᠢᠯᠳᠠᠳ ᠤᠨ ᠶᠡᠷᠥᠩᠭᠡᠶᠢᠯᠡᠭᠰᠡᠨ ᠬᠡᠪ ᠴᠢᠨᠠᠷ | ᠢ ᠲᠡᠭᠡᠭᠰᠢᠯᠡᠭᠦᠯᠥᠨ᠎ᠡ᠃ ᠭᠥᠮᠥᠵᠢᠯ ᠪᠤᠯᠪᠠᠰᠤᠷᠠᠯ ᠢ ᠴᠢᠩᠭᠠᠳᠬᠠᠨ ᠠᠵᠢᠯᠳᠠᠳ ᠤᠨ ᠮᠡᠳᠡᠯᠭᠡ ᠶᠢᠨ ᠪᠥᠳᠥᠴᠡ ᠶᠢ ᠰᠢᠨᠡᠴᠢᠯᠡᠵᠥ᠂ ᠺᠠᠳ᠋ᠷᠴᠤᠳ ᠤᠨ ᠰᠢᠷᠭᠠᠭᠤ | ᠰᠤᠷᠤᠯᠴᠠᠨ ᠴᠢᠳᠠᠮᠠᠭᠠᠢ ᠰᠡᠳᠬᠢᠵᠥ ᠯᠠᠪᠳᠠᠭᠤᠨ ᠥᠢᠯᠡᠳᠥᠯᠭᠡᠵᠢᠭᠦᠯᠭᠦ ᠲᠠᠳᠬᠠᠯ ᠢ ᠪᠤᠢ ᠪᠤᠯᠭᠠᠨ᠂ ᠡᠭᠦᠷᠭᠡ ᠲᠤᠰᠢᠶᠠᠯ ᠢᠶᠠᠨ ᠬᠦᠢᠴᠡᠤᠨᠬᠡᠬᠦ ᠴᠢᠳᠠᠪᠤᠷᠢ ᠶᠢ ᠨᠢ | ᠨᠡᠮᠡᠭᠳᠡᠭᠦᠯᠥᠨ᠎ᠡ᠃ ᠡᠳ᠋ ᠤᠨ ᠵᠠᠰᠠᠭ ᠤᠨ ᠭᠠᠵᠠᠷ ᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ ᠬᠢᠨᠠᠨ ᠰᠢᠯᠭᠠᠷᠠᠭᠤᠯᠬᠤ ᠲᠥᠷᠢᠮ ᠢ | ᠲᠡᠭᠦᠯᠳᠡᠷᠵᠢᠭᠦᠯᠥᠨ᠎ᠡ᠃ ᠡᠳ᠋ ᠤᠨ ᠵᠠᠰᠠᠭ ᠤᠨ ᠺᠠᠳᠠᠷᠴᠤᠳ ᠤᠨ ᠭᠥᠮᠥᠵᠢᠯ ᠪᠤᠯᠪᠠᠰᠤᠷᠠᠯ ᠪᠠ ᠰᠤᠯᠢᠯᠴᠠᠭᠠᠨ ᠤ ᠲᠥᠷᠢᠮ ᠢ ᠴᠤᠭᠴᠠᠯᠠᠨ᠂ ᠴᠢᠳᠠᠪᠥᠷᠢᠳᠡᠳ ᠤᠨ ᠡᠬᠢ | ᠰᠤᠷᠪᠤᠯᠵᠢ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠥᠨ᠎ᠡ᠃ ᠬᠤᠶᠠᠷ ᠲᠤ᠂ ᠪᠠᠶᠢᠭᠤᠯᠭ᠎ᠠ ᠶᠢᠨ ᠠᠵᠢᠯᠯᠠᠬᠤ ᠬᠡᠪ ᠰᠤᠷᠳᠠᠯ ᠢ ᠰᠠᠶᠢᠵᠢᠷᠠᠭᠤᠯᠤᠨ᠂ ᠡᠳ᠋ ᠤᠨ ᠵᠠᠰᠠᠭ | ᠤᠨ ᠥᠢᠯᠡᠴᠢᠯᠡᠭᠡᠨ ᠤ ᠲᠥᠪᠰᠢᠨ ᠢ ᠲᠡᠭᠡᠭᠰᠢᠯᠡᠭᠦᠯᠥᠨ᠎ᠡ᠃ ᠪᠠᠶᠢᠭᠤᠯᠭ᠎ᠠ ᠶᠢᠨ ᠠᠵᠢᠯ ᠤᠨ ᠪᠥᠳᠥᠮᠵᠢ ᠶᠢ ᠴᠢᠩᠭᠠᠳᠬᠠᠨ᠂ ᠺᠠᠳ᠋ᠷᠴᠤᠳ ᠤᠨ ᠰᠠᠨᠠᠭᠠᠴᠢᠯᠠᠭᠠᠳᠠᠢ ᠪᠠᠷ | ᠠᠵᠤ ᠠᠬᠤᠶᠢᠯᠠᠯ᠂ ᠲᠥᠷᠥᠯ ᠵᠥᠢᠯ ᠪᠠ ᠭᠥᠭᠵᠢᠯᠳᠡ ᠳᠤ ᠥᠢᠯᠡᠴᠢᠯᠡᠭᠦ ᠤᠬᠠᠮᠰᠠᠷ ᠪᠠ ᠴᠢᠳᠠᠪᠤᠷᠢ ᠶᠢ ᠤᠯᠠᠮ ᠲᠡᠭᠡᠭᠰᠢᠯᠡᠭᠦᠯᠥᠨ᠎ᠡ᠃ ᠭᠤᠷᠪᠠ ᠳᠤ᠂ ᠨᠠᠮ ᠤᠨ | ᠭᠡᠰᠢᠭᠦᠳ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠭᠥᠴᠥᠷᠭᠡᠭ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠨ᠎ᠠ᠃ ᠥᠵᠡᠯ ᠰᠠᠨᠠᠭ᠎ᠠ᠂ | ᠬᠡᠪ ᠰᠤᠷᠳᠠᠯ ᠪᠤᠯᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠥᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠳ ᠤᠨ ᠰᠤᠷᠤᠯᠴᠠᠯᠭ᠎ᠠ ᠭᠥᠮᠥᠵᠢᠯ ᠢ | ᠴᠢᠬᠤᠯᠠᠴᠢᠯᠠᠨ᠂ ᠨᠠᠮ ᠤᠨ ᠭᠡᠰᠢᠭᠦᠳ ᠡᠯ᠎ᠡ ᠠᠵᠢᠯ ᠤᠨ ᠳᠤᠮᠳᠠ ᠬᠤᠰᠢᠭᠤᠴᠢ ᠥᠢᠯᠡᠳᠥᠯ ᠢᠶᠠᠨ ᠪᠠᠳᠠᠷᠠᠭᠤᠯᠬᠤ ᠶᠢ ᠭᠥᠮᠥᠵᠢᠭᠦᠯᠥᠨ ᠵᠢᠯᠤᠭᠤᠳᠴᠤ᠂ ᠡᠳ᠋ ᠤᠨ | ᠵᠠᠰᠠᠭ ᠤᠨ ᠠᠵᠢᠯ ᠤᠨ ᠭᠥᠭᠵᠢᠯᠳᠡ ᠳᠤ ᠭᠥᠴᠥᠷᠭᠡᠭ ᠶᠡᠭᠡ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠨ᠎ᠠ᠃ | ᠲᠥᠯᠥᠭᠡᠯᠡᠭᠴᠢᠳ ᠡ᠂ 2015 ᠤᠨ ᠪᠤᠯ ︽ᠠᠷᠪᠠᠨ ᠬᠤᠶᠠᠳᠤᠭᠠᠷ ᠳᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠳᠠ ᠶᠢ ᠪᠡᠶᠡᠯᠡᠭᠦᠯᠭᠦ | ᠵᠠᠩᠬᠢᠯᠠᠭ᠎ᠠ ᠶᠢᠨ ᠤᠨ ᠪᠤᠯᠬᠤ ᠤᠴᠢᠷ ᠪᠥᠭᠦ ᠵᠢᠯ ᠤᠨ ᠡᠳ᠋ ᠤᠨ ᠵᠠᠰᠠᠭ ᠤᠨ ᠠᠵᠢᠯ ᠤᠨ ᠡᠭᠦᠷᠭᠡ ᠶᠢ ᠪᠥᠳᠥᠮᠵᠢᠳᠠᠢ ᠪᠡᠶᠡᠯᠡᠭᠦᠯᠭᠦ ᠨᠢ ᠴᠢᠬᠤᠯᠠ ᠠᠴᠢ ᠬᠤᠯᠪᠤᠭᠳᠠᠯ | ᠲᠠᠢ ᠶᠤᠮ᠃ ᠰᠢᠨ᠎ᠡ ᠨᠢᠭᠡᠨ ᠵᠢᠯ ᠳᠤ ᠪᠢᠳᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ ᠪᠠ ᠠᠷᠠᠳ ᠤᠨ | ᠲᠥᠯᠥᠭᠡᠯᠡᠭᠴᠢᠳ ᠤᠨ ᠪᠠᠶᠢᠩᠭᠤ ᠶᠢᠨ ᠬᠤᠷᠢᠶ᠎ᠠ ᠬᠢᠭᠡᠳ ᠤᠯᠤᠰ ᠲᠥᠷᠥ ᠶᠢᠨ ᠵᠥᠪᠯᠡᠯᠭᠡᠨ ᠤ ᠬᠢᠨᠠᠯᠳᠠ ᠵᠢᠯᠤᠭᠤᠳᠤᠯᠭ᠎ᠠ ᠲᠤᠤᠷ᠎ᠠ ᠲᠤᠰ ᠤᠳᠠᠭᠠᠨ ᠤ ᠬᠤᠷᠠᠯ ᠤᠨ | ᠰᠢᠢᠳᠪᠤᠷᠢ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠬᠥᠴᠥ ᠵᠤᠷᠢᠭ ᠢᠶᠠᠨ ᠨᠢᠭᠡᠳᠭᠡᠨ ᠥᠭᠡᠷᠡᠴᠢᠯᠡᠯᠳᠡ ᠰᠢᠨᠡᠴᠢᠯᠡᠯᠳᠡ ᠬᠢᠵᠤ᠂ ᠡᠯ᠎ᠡ ᠲᠥᠷᠥᠯ ᠤᠨ ᠠᠵᠢᠯ ᠢᠶᠠᠨ | ᠯᠠᠪᠳᠠᠭᠤᠨ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠥᠷᠭᠦᠯᠵᠢᠭᠦᠶᠢᠴᠡ ᠡᠷᠡᠭᠦᠯ ᠭᠥᠭᠵᠢᠯᠳᠡ ᠳᠤ ᠭᠥᠴᠥᠨ ᠨᠡᠮᠡᠷᠢᠯᠡᠰᠥᠭᠡᠢ︕ | | | | |