ᠤᠳᠤᠭ ᠤᠨ ᠡᠮᠤᠨᠡᠳᠤ ᠬᠤᠰᠢᠭᠤᠨ ᠤ 2013 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ | ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2014 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ | ᠲᠦᠰᠤᠯ ᠤᠨ ᠮᠡᠳᠡᠬᠦᠯᠤᠯᠳᠠ | | | — 2014 ᠤᠨ 1 ᠰᠠᠷ᠎ᠠ ᠶᠢᠨ 22 ᠤᠨ ᠡᠳᠤᠷ ᠤᠳᠤᠭ ᠤᠨ ᠡᠮᠤᠨᠡᠳᠤ ᠬᠤᠰᠢᠭᠤᠨ ᠤ ᠶᠢᠰᠤᠳᠤᠬᠡᠷ ᠬᠤᠭᠤᠴᠠᠭᠠᠨ ᠤ ᠠᠷᠠᠤᠨ ᠤᠨ | ᠲᠦᠯᠤᠬᠡᠯᠡᠭᠴᠢᠤᠨ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠬᠡᠷ᠎ᠠ | | | ᠤᠳᠤᠭ ᠤᠨ ᠡᠮᠤᠨᠡᠳᠤ ᠬᠤᠰᠢᠭᠤᠨ ᠤ ᠬᠦᠭᠵᠢᠬᠦᠯᠤᠯᠳᠠ ᠪᠤᠯᠤᠨ ᠦᠬᠡᠷᠡᠴᠢᠯᠠᠯᠳᠠ ᠶᠢᠨ ᠳᠤᠪᠴᠢᠶ᠎ᠠ | | ᠲᠦᠯᠤᠬᠡᠯᠡᠭᠴᠢᠤᠨ ᠡ ᠄ | ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠤᠳᠤᠭ ᠤᠨ ᠡᠮᠤᠨᠡᠳᠤ ᠬᠤᠰᠢᠭᠤᠨ ᠤ 2013 ᠤᠨ ᠤ ᠤᠯᠤᠰ ᠠᠷᠠᠤᠨ ᠤᠨ ᠠᠵᠤ ᠠᠬᠤᠢ | ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠤᠨ 2014 ᠤᠨ ᠤ ᠤᠯᠤᠰ ᠠᠷᠠᠤᠨ ᠤᠨ ᠠᠵᠤ ᠠᠬᠤᠢ ᠪᠤᠯᠤᠨ | ᠨᠠᠶᠢᠬᠡᠮ ᠤᠨ ᠬᠦᠭᠵᠢᠯᠳᠠ ᠶᠢᠨ ᠲᠦᠯᠤᠪᠯᠡᠭᠡ ᠶᠢᠨ ᠳᠦᠰᠤᠯ ᠤᠨ ᠮᠡᠳᠡᠬᠦᠯᠤᠯᠳᠠ ᠬᠢᠶ᠎ᠠ᠃ ᠲᠥᠯᠥᠭᠡᠯᠡᠭᠴᠢᠳ ᠬᠢᠨᠠᠨ ᠵᠥᠪᠯᠡᠵᠥ᠂ ᠬᠤᠰᠢᠭᠤᠨ ᠤ ᠤᠯᠤᠰ | ᠲᠦᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠰᠤᠯᠠ ᠤᠷᠤᠯᠴᠠᠭᠰᠠᠤᠨ ᠰᠠᠨᠠᠯ ᠢᠶᠠᠨ ᠳᠡᠪᠰᠢᠬᠦᠯᠬᠦ ᠪᠤᠯᠪᠠᠤ᠃ | ᠨᠢᠬᠡ᠂ 2013 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ | 2013 ᠤᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠨᠤᠪᠴᠢᠳᠠᠢ ᠤᠳᠤᠷᠢᠳᠤᠯᠭ᠎ᠠ ᠪᠤᠯᠤᠨ ᠬᠤᠰᠢᠭᠤᠨ ᠤ ᠠᠷᠠᠤᠨ ᠤᠨ | ᠲᠦᠯᠦᠬᠡᠯᠡᠭᠴᠢᠤᠨ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠳᠡᠮᠵᠢᠯᠬᠡ ᠳᠤᠤᠷ᠎ᠠ ᠪᠦᠬᠦ ᠬᠤᠰᠢᠭᠤ ᠪᠠᠷ ᠢᠶᠠᠨ ᠥᠪᠡᠷᠳᠡᠭᠡᠨ | ᠵᠠᠰᠠᠬᠤ ᠤᠷᠤᠨ ᠤ ︽8337︾ ᠭᠥᠭᠵᠢᠭᠦᠯᠥᠯᠳᠡ ᠶᠢᠨ ᠰᠡᠳᠬᠢᠮᠵᠢ ᠶᠢ ᠪᠥᠭᠦ ᠲᠠᠯ᠎ᠠ ᠪᠠᠷ ᠲᠤᠤᠱᠯᠠᠭᠤᠯᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠡᠯ᠎ᠡ ᠲᠥᠷᠥᠯ ᠤᠨ ᠰᠢᠢᠳᠪᠥᠷᠢ ᠪᠠᠶᠢᠷᠢᠰᠢᠭᠤᠯᠤᠯᠳᠠ ᠶᠢ ᠭᠥᠨᠵᠡᠭᠡᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠤᠳᠠᠭᠠᠰᠢᠷᠠᠯ ᠤᠨ ᠲᠠᠷᠤᠯᠳᠠ ᠲᠤᠤᠷ᠎ᠠ | ᠬᠤᠰᠢᠭᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠢᠶᠠᠷ ᠲᠤᠭᠳᠠᠭᠠᠭᠰᠠᠨ ᠡᠯ᠎ᠡ ᠲᠥᠷᠥᠯ | ᠤᠨ ᠬᠠᠷᠠᠯᠳᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠥᠭᠰᠡᠨ ᠪᠠᠶᠢᠨ᠎ᠠ᠃ | ︵ᠨᠢᠭᠡ︶ ᠭᠥᠭᠵᠢᠯᠳᠡ ᠶᠢᠨ ᠨᠥᠭᠡᠴᠡ ᠭᠥᠴᠥᠨ ᠥᠷᠭᠦᠯᠵᠢᠯᠡᠨ ᠴᠢᠩᠭᠠᠳᠪᠠ᠃ ᠠᠵᠤ ᠠᠬᠤᠢ ᠲᠤᠭᠳᠠᠭᠤᠨ ᠨᠡᠮᠡᠭᠳᠡᠵᠥ᠂ ᠪᠥᠭᠦ ᠬᠤᠰᠢᠭᠤᠨ ᠤ ᠭᠠᠵᠠᠷ | ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 118 ᠳ᠋ᠥᠩᠰᠢᠭᠤᠷ ᠲᠦᠬᠦᠷᠢᠭ ᠲᠤ ᠬᠦᠷᠴᠤ᠂ 27.1% ᠨᠡᠮᠡᠭᠳᠡᠪᠠ᠃ ᠨᠡᠶᠢᠭᠡᠮ ᠤᠨ ᠲᠤᠭᠳᠠᠮᠠᠯ | ᠭᠥᠷᠥᠩᠭᠡ ᠶᠢᠨ ᠪᠡᠯᠡ ᠤᠷᠤᠭᠤᠯᠤᠯᠳᠠ ᠶᠢ 230.9 ᠳ᠋ᠥᠩᠰᠢᠭᠤᠷ ᠲᠥᠭᠦᠷᠢᠭ ᠪᠡᠶᠡᠯᠡᠭᠦᠯᠵᠥ᠂ 14.67% ᠨᠡᠮᠡᠭᠳᠡᠪᠡ᠂ ᠡᠭᠦᠨ ᠳᠤ ᠳ᠋ᠥᠩᠰᠢᠭᠤᠷ ᠲᠥᠭᠦᠷᠢᠭ | ᠠᠴᠠ ᠲᠡᠭᠡᠭᠰᠢᠬᠢ ᠠᠵᠤ ᠥᠢᠯᠡᠳᠪᠥᠷᠢ ᠶᠢᠨ ᠭᠤᠤᠯᠳᠠᠯᠭᠠᠳᠤ ᠲᠥᠷᠥᠯ ᠵᠥᠢᠯ ᠳᠤ 91 ᠳ᠋ᠥᠩᠰᠢᠭᠤᠷ ᠲᠥᠭᠦᠷᠢᠭ ᠤᠷᠤᠭᠤᠯᠵᠤ᠂ ᠬᠤᠳᠠ ᠭᠥᠳᠡᠭᠡ ᠶᠢᠨ | ᠨᠢᠭᠡᠳᠥᠯᠳᠡᠢ ᠲᠥᠯᠥᠪᠵᠢᠭᠦᠯᠥᠯᠳᠡ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠳᠤ 21 ᠳ᠋ᠥᠩᠰᠢᠭᠤᠷ ᠲᠥᠭᠦᠷᠢᠭ ᠪᠡᠯᠡ ᠤᠷᠤᠭᠤᠯᠤᠨ᠂ ᠵᠠᠰᠠᠮᠠᠯ ᠵᠠᠮ ᠤᠨ | ᠪᠠᠶᠢᠭᠤᠯᠤᠯᠳᠠ ᠳᠤ 32.96 ᠳ᠋ᠥᠩᠰᠢᠭᠤᠷ ᠲᠥᠭᠦᠷᠢᠭ ᠤᠨ ᠪᠡᠯᠡ ᠤᠷᠤᠭᠤᠯᠪᠠ᠃ ᠨᠡᠶᠢᠳᠡ ᠶᠢᠨ ᠡᠳ᠋ ᠤᠨ ᠵᠠᠰᠠᠭ ᠲᠥᠰᠥᠪ ᠤᠨ ᠤᠷᠤᠯᠭ᠎ᠠ 11.66 | ᠳ᠋ᠥᠩᠰᠢᠭᠤᠷ ᠲᠥᠭᠦᠷᠢᠭ ᠭᠥᠷᠴᠤ᠂ 19.16% ᠨᠡᠮᠡᠭᠳᠡᠪᠡ᠃ ᠠᠷᠠᠳ ᠤᠨ ᠠᠮᠢᠳᠤᠷᠠᠯ ᠢ ᠬᠠᠷᠠᠭᠠᠯᠵᠠᠨ ᠪᠠᠳᠤᠯᠠᠬᠤ ᠪᠠᠨ ᠰᠠᠶᠢᠵᠢᠷᠠᠭᠤᠯᠵᠤ᠂ ᠠᠷᠠᠳ ᠤᠨ | ᠠᠮᠢᠳᠤᠷᠠᠯ ᠤᠨ ᠢᠨᠵᠧᠨᠧᠷᠢᠩ ᠳᠤ 19.08 ᠳ᠋ᠥᠩᠰᠢᠭᠤᠷ ᠲᠥᠭᠦᠷᠢᠭ ᠪᠡᠯᠡ ᠤᠷᠤᠭᠤᠯᠤᠨ᠂ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ | 72% ᠶᠢ ᠡᠵᠡᠯᠡᠪᠡ᠃ ᠬᠤᠳᠠ ᠭᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠲᠤᠰ ᠪᠥᠷᠢ 32706 ᠲᠥᠭᠦᠷᠢᠭ ᠪᠠ 12800 ᠲᠥᠭᠦᠷᠢᠭ ᠲᠤ ᠭᠥᠷᠴᠥ | ᠂ 7.6% ᠪᠠ 11.6% ᠨᠡᠮᠡᠭᠳᠡᠪᠡ᠃ ᠬᠦᠭᠵᠢᠯᠳᠡ ᠶᠢᠨ ᠲᠠᠯᠳᠠ ᠨᠥᠯᠥᠭᠡᠯᠡᠯ ᠭᠥᠴᠥᠨ ᠵᠥᠢᠯ ᠤᠯᠠᠮ ᠴᠢᠩᠭᠠᠳᠬᠠᠴᠣ᠂ ︽ᠤᠯᠤᠰ ᠤᠨ ᠡᠷᠡᠭᠦᠯ ᠬᠠᠮᠠᠭᠠᠠᠯᠠᠯ | ᠤᠨ ᠬᠤᠰᠢᠭᠤ︾᠂ ︽ᠪᠥᠭᠦ ᠤᠯᠤᠰ ᠤᠨ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢᠨ ᠬᠢᠨᠠᠨ ᠰᠢᠯᠭᠠᠷᠠᠭᠤᠯᠤᠯᠳᠠ ᠶᠢᠨ ᠲᠡᠷᠢᠭᠦᠨ ᠤ ᠬᠤᠰᠢᠭᠤ︾᠂ ︽ | ᠥᠪᠡᠷᠳᠡᠭᠡᠨ ᠵᠠᠰᠠᠬᠤ ᠤᠷᠤᠨ ᠤ ᠴᠡᠴᠡᠷᠯᠢᠭᠵᠢᠭᠦᠯᠭᠡ ᠶᠢᠨ ᠨᠡᠷᠡᠳᠤ ᠬᠤᠰᠢᠭᠤ︾᠂ ︽ᠥᠪᠡᠷᠳᠡᠭᠡᠨ ᠵᠠᠰᠠᠬᠤ ᠤᠷᠤᠨ ᠤ ᠪᠤᠯᠪᠠᠰᠤᠨ ᠬᠤᠰᠢᠭᠤ︾ ᠵᠡᠷᠭᠡ ᠭᠤᠴᠤ | ᠭᠥᠷᠳᠡᠭᠡᠯ ᠢᠶᠠᠷ ᠭᠠᠵᠠᠷ ᠤᠷᠤᠨ ᠤ ᠨᠡᠷ᠎ᠡ ᠠᠯᠳᠠᠷᠰᠢᠯ ᠮᠠᠨᠳᠤᠪᠠ᠃ | ︵ᠬᠤᠶᠠᠷ︶ ᠲᠥᠷᠥᠯ ᠵᠥᠢᠯ ᠤᠨ ᠲᠤᠯᠭᠠᠭᠤᠷᠢᠯᠠᠬᠤ ᠥᠢᠯᠡᠳᠤᠯ ᠢᠯᠡᠷᠭᠡᠢ ᠨᠡᠮᠡᠭᠳᠡᠪᠡ᠃ ︽ᠱᠠᠩᠬᠠᠢ ᠶᠢᠨ ᠰᠥᠮ᠎ᠡ ᠠᠭᠤᠷᠬᠠᠢ ᠶᠢᠨ ᠤᠷᠤᠨ ᠤ ᠶᠡᠷᠥᠩᠭᠡᠢ | ᠲᠥᠯᠥᠪᠵᠢᠭᠦᠯᠭᠡ ︵ᠵᠠᠰᠠᠪᠦᠷᠢᠯᠠᠭᠰᠠᠨ︶︾᠂ ᠰᠢᠨ᠎ᠡ ᠱᠠᠩᠬᠠᠢ ᠶᠢᠨ ᠰᠥᠮ᠎ᠡ ᠨᠢᠭᠡ ᠨᠤᠮᠧᠷᠳᠤ᠂ ᠴᠠᠩ ᠴᠧᠩ ᠬᠤᠶᠠᠳᠤᠭᠠᠷ ᠨᠤᠮᠧᠷᠳᠤ ᠨᠡᠭᠦᠷᠡᠰᠤᠨ ᠠᠭᠤᠷᠬᠠᠢ | ᠤᠯᠤᠰ ᠤᠨ ᠭᠥᠭᠵᠢᠭᠦᠯᠥᠯᠳᠡ ᠥᠭᠡᠷᠡᠴᠢᠯᠡᠯᠳᠡ ᠶᠢᠨ ᠵᠥᠪᠯᠡᠯ ᠤᠨ ᠴᠤᠬᠤᠯᠠᠪᠤᠷᠢᠯᠠᠯ ᠢ ᠤᠯᠵᠤ᠂ ︽ᠱᠠᠩᠬᠠᠢ ᠶᠢᠨ ᠰᠥᠮ᠎ᠡ ᠨᠡᠭᠦᠷᠡᠰᠤᠨ ᠠᠭᠤᠷᠬᠠᠢ ᠶᠢᠨ | ᠠᠭᠤᠷᠬᠠᠢ ᠶᠢᠨ ᠥᠮᠴᠢᠯᠡᠯ ᠪᠠᠶᠢᠭᠤᠯᠬᠤ ᠲᠥᠰᠥᠯ︾ ᠤᠯᠤᠰ ᠤᠨ ᠭᠠᠵᠠᠷ ᠰᠢᠷᠥᠢ ᠡᠬᠢ ᠪᠠᠶᠠᠯᠢᠭ ᠤᠨ ᠶᠠᠮᠤᠨ ᠳᠤ ᠲᠠᠩᠰᠠᠯᠠᠭᠳᠠᠪᠠ᠃ ︽ᠱᠠᠩᠬᠠᠢ ᠶᠢᠨ ᠰᠥᠮ᠎ᠡ | ᠡᠨᠧᠷᠬᠢ ᠬᠢᠮᠢ ᠶᠢᠨ ᠠᠵᠤ ᠥᠢᠯᠡᠳᠪᠥᠷᠢ ᠶᠢᠨ ᠰᠠᠭᠤᠷᠢᠨ ᠭᠠᠵᠠᠷ ᠤᠨ ᠠᠵᠤ ᠥᠢᠯᠡᠰ ᠤᠨ ᠭᠥᠭᠵᠢᠭᠦᠯᠥᠯᠳᠡ ᠶᠢᠨ ᠪᠤᠳᠤᠯᠭ᠎ᠠ ᠶᠢᠨ ᠲᠥᠯᠤᠪᠵᠢᠭᠦᠯᠭᠡ︾᠂ ᠰᠧᠨ | ᠲᠠᠢ ᠶᠢᠨ 2× 20 ᠲᠥᠮᠡᠨ ᠲᠤᠨ ᠤ LNG᠂ ᠷᠥᠨ ᠪᠥᠸᠧ ᠶᠢᠨ 33 ᠰᠠᠶ᠎ᠠ ᠸᠠᠲ ᠤᠨ ᠨᠠᠷᠠᠨ ᠴᠠᠬᠢᠯᠭᠠᠨ ᠤ ᠲᠥᠷᠥᠯ ᠵᠥᠢᠯ ᠥᠪᠡᠷᠳᠡᠭᠡᠨ ᠵᠠᠰᠠᠬᠤ | ᠤᠷᠤᠨ ᠤ ᠭᠥᠭᠵᠢᠭᠦᠯᠥᠯᠳᠡ ᠥᠭᠡᠷᠡᠴᠢᠯᠡᠯᠳᠡ ᠶᠢᠨ ᠵᠥᠪᠯᠡᠯ ᠤᠨ ᠴᠤᠬᠤᠯᠠᠪᠤᠷᠢᠯᠠᠯ ᠢ ᠤᠯᠪᠠ᠃ ᠱᠧᠨ ᠬᠤᠸᠠ ᠶᠢᠨ ᠤᠯᠤᠰ ᠤᠨ ᠡᠨᠧᠷᠬᠢ᠂ ᠤᠯᠤᠰ ᠤᠨ | ᠴᠠᠬᠢᠯᠭᠠᠨ ᠪᠥᠯᠥᠭᠯᠡᠯ ᠤᠨ ᠱᠤᠸᠠᠩ ᠸᠧᠢ᠂ ᠪᠸᠢ ᠹᠠᠩ ᠤᠨ ᠴᠠᠬᠢᠯᠭᠠᠨ ᠡᠨᠧᠷᠬᠢ ᠶᠢᠨ ᠭᠤᠷᠪᠠᠨ ᠠᠩᠬᠢ 2× 100 ᠲᠥᠮᠡᠨ ᠺᠢᠯᠤᠸᠠᠲ ᠤᠨ ᠨᠡᠭᠦᠷᠡᠰᠤᠨ | ᠴᠠᠬᠢᠯᠭᠠᠨ᠂ ᠱᠧᠩ ᠯᠤ᠋ ᠶᠢᠨ ᠡᠨᠧᠷᠬᠢ ᠬᠢᠮᠢ ᠶᠢᠨ 4× 100 ᠲᠥᠮᠡᠨ ᠺᠢᠯᠥᠸᠠᠲ ᠤᠨ ᠴᠠᠬᠢᠯᠭᠠᠨ ᠥᠢᠯᠡᠳᠪᠥᠷᠢ᠂ ᠰᠢᠨ ᠸᠧᠨ ᠠᠭᠤᠷᠬᠠᠢ ᠶᠢᠨ ᠪᠥᠯᠥᠭᠯᠡᠯ ᠤᠨ | ᠤᠯᠤᠰ ᠤᠨ ᠴᠠᠬᠢᠯᠭᠠᠨ ᠤ 2×35 ᠲᠥᠮᠡᠨ ᠺᠢᠯᠤᠸᠠᠲ ᠤᠨ ᠨᠡᠭᠦᠷᠡᠰᠥᠨ ᠴᠢᠯᠠᠭᠤᠨ ᠢᠯᠴᠢ ᠴᠠᠬᠢᠯᠭᠠᠨ ᠤ ᠬᠤᠯᠪᠤᠭᠠᠳᠤ ᠥᠢᠯᠡᠳᠪᠥᠷᠢᠯᠡᠯ᠂ ᠬᠤᠸᠠ ᠰᠢᠩ ᠤᠨ | 40 ᠳ᠋ᠥᠩᠰᠢᠭᠤᠷ ᠪᠤᠰᠤᠭ᠎ᠠ ᠲᠥᠷᠪᠡᠯᠵᠢᠨ ᠮᠧᠲᠷ ᠤᠨ ᠨᠡᠭᠦᠷᠡᠰᠤ ᠪᠠᠷ ᠰᠢᠳᠠᠮᠠᠬᠠᠢ ᠭᠡᠢ ᠥᠢᠯᠡᠳᠭᠦ ᠲᠥᠷᠥᠯ ᠵᠥᠢᠯ ᠵᠡᠷᠭᠡ ᠢᠨᠵᠧᠨᠧᠷᠢᠩ ᠢ ᠤᠯᠤᠰ ᠤᠨ | ᠭᠥᠭᠵᠢᠭᠦᠯᠥᠯᠳᠡ ᠥᠭᠡᠷᠡᠴᠢᠯᠡᠯᠳᠡ ᠶᠢᠨ ᠵᠥᠪᠯᠡᠯ ᠳᠤ ᠮᠡᠳᠡᠭᠦᠯᠪᠡ᠃ ᠱᠠᠩᠬᠠᠢ ᠶᠢᠨ ᠰᠥᠮ᠎ᠡ ᠠᠴᠠ ᠱᠠᠨᠳᠥ᠋ᠩ ᠭᠥᠷᠭᠦ ᠤᠨᠴᠠ ᠥᠨᠳᠥᠷ ᠲᠠᠷᠤᠯᠳᠠᠳᠤ ᠴᠠᠬᠢᠯᠭᠠᠨ | ᠭᠥᠷᠭᠡᠯᠳᠡ ᠶᠢᠨ ᠢᠨᠵᠧᠨᠧᠷᠢᠩ ᠤᠯᠤᠰ ᠤᠨ ᠠᠭᠠᠷ ᠮᠠᠨᠳᠠᠯ ᠤᠨ ᠪᠤᠬᠢᠷᠳᠤᠯ ᠵᠠᠰᠠᠬᠤ ᠠᠵᠢᠯᠯᠠᠭᠠᠨ ᠤ ᠲᠥᠯᠥᠪᠯᠡᠭᠡ ᠳᠤ ᠵᠢᠭᠰᠠᠭᠳᠠᠵᠤ᠂ ᠨᠢᠭᠡᠨᠳᠡ ᠲᠤᠮᠳᠠᠳᠤ | ᠤᠯᠤᠰ ᠤᠨ ᠤᠯᠠᠨ ᠤᠯᠤᠰ ᠤᠨ ᠢᠨᠵᠧᠨᠧᠷᠢᠩ ᠤᠨ ᠠᠰᠠᠭᠤᠨ ᠯᠠᠪᠯᠠᠯᠳᠠ ᠶᠢᠨ ᠺᠤᠮᠫᠠᠨᠢ ᠶᠢᠨ ᠬᠢᠨᠠᠨ ᠰᠢᠯᠭᠠᠯᠳᠠ ᠶᠢ ᠲᠤᠭᠤᠯᠤᠭᠰᠠᠨ ᠪᠠᠶᠢᠨ᠎ᠠ᠃ ᠵᠢᠥ ᠲᠠᠢ ᠶᠢᠨ | 120 ᠲᠥᠮᠡᠨ ᠲᠤᠨ ᠤ ᠠᠯᠺᠧᠨ ᠥᠢᠯᠡᠳᠭᠦ ᠲᠥᠷᠥᠯ ᠵᠥᠢᠯ ᠤᠨ ᠡᠮᠥᠨ᠎ᠡ ᠬᠤᠭᠤᠴᠭᠠᠨ ᠤ ᠠᠵᠢᠯ ᠢ ᠡᠬᠢᠯᠡᠭᠦᠯᠪᠡ᠃ ᠰᠢᠨ᠎ᠡ ᠱᠠᠩᠬᠠᠢ ᠶᠢᠨ ᠰᠥᠮ᠎ᠡ ᠨᠢᠭᠡ | ᠨᠤᠮᠧᠷᠳᠤ ᠨᠡᠭᠦᠷᠡᠰᠤᠨ ᠠᠭᠤᠷᠬᠠᠢ ᠲᠤᠷᠰᠢᠨ ᠥᠢᠯᠡᠳᠪᠥᠷᠢᠯᠡᠵᠥ᠂ ᠡᠾᠧᠩ ᠺᠥᠨ ᠤ 120 ᠲᠥᠮᠡᠨ ᠲᠤᠨ ᠨᠡᠭᠦᠷᠡᠰᠤ ᠭᠡᠥᠷᠰᠢᠭᠦᠯᠭᠦ ᠤᠯᠠᠨ ᠬᠤᠯᠪᠤᠭᠠᠳᠤ | ᠥᠢᠯᠡᠳᠪᠥᠷᠢᠯᠡᠯ ᠤᠨ ᠬᠤᠶᠠᠳᠤᠭᠠᠷ ᠬᠤᠭᠤᠴᠠᠭᠠᠨ ᠤ ᠠᠵᠢᠯ᠂ ᠱᠢ ᠳ᠋ᠠ ᠶᠢᠨ ᠪᠤᠬᠢᠷᠳᠤᠯ ᠥᠭᠡᠢ ᠡᠨᠧᠷᠬᠢ ᠶᠢᠨ 2×20 ᠲᠥᠮᠡᠨ ᠲᠤᠨ ᠤ LNG ᠶᠢᠨ | ᠨᠢᠭᠡᠳᠥᠭᠡᠷ ᠬᠤᠭᠤᠴᠭᠠᠨ ᠤ ᠠᠵᠢᠯ᠂ ᠰᠧᠨ ᠲᠠᠢ ᠶᠢᠨ 2×20 ᠲᠥᠮᠡᠨ ᠲᠤᠨ ᠤ LNG ᠶᠢᠨ ᠨᠢᠭᠡᠳᠥᠭᠡᠷ ᠬᠤᠭᠤᠴᠭᠠᠨ ᠤ ᠠᠵᠢᠯ ᠵᠡᠷᠭᠡ ᠳ᠋ᠥᠩᠰᠢᠭᠤᠷ | ᠲᠥᠭᠦᠷᠢᠭ ᠠᠴᠠ ᠲᠡᠭᠡᠭᠰᠢᠭᠢ ᠠᠵᠤ ᠥᠢᠯᠡᠳᠪᠥᠷᠢ ᠶᠢᠨ ᠭᠤᠣᠯᠳᠠᠯᠭᠠᠳᠦ ᠲᠥᠷᠥᠯ ᠵᠥᠢᠯ ᠤᠨ ᠪᠠᠶᠢᠭᠤᠯᠤᠯᠳᠠ ᠯᠠᠪᠳᠠᠭᠤᠨ ᠠᠬᠢᠵᠤ᠂ ᠨᠡᠭᠦᠷᠡᠰᠤ᠂ ᠨᠡᠭᠦᠷᠡᠰᠤᠨ ᠬᠢᠮᠢ | ᠶᠢᠨ ᠠᠵᠤ ᠥᠢᠯᠡᠳᠪᠥᠷᠢ ᠶᠢᠨ ᠥᠢᠯᠡᠳᠪᠥᠷᠢᠯᠡᠯ ᠤᠨ ᠭᠡᠮᠵᠢᠶ᠎ᠡ ᠲᠤᠰ ᠪᠥᠷᠢ 1550 ᠲᠥᠮᠡᠨ ᠲᠤᠨ ᠪᠠ 110 ᠲᠥᠮᠡᠨ ᠲᠤᠨ ᠭᠥᠷᠥᠨ᠂ ᠰᠢᠳᠠᠮᠠᠬᠠᠢ ᠬᠡᠢ ᠶᠢᠨ | ᠭᠠᠷᠤᠯᠳᠠ 40 ᠳ᠋ᠦᠩᠰᠢᠭᠤᠷ ᠪᠤᠰᠤᠭ᠎ᠠ ᠲᠥᠷᠪᠡᠯᠵᠢᠨ ᠮᠧᠲᠷ ᠭᠥᠷᠴᠤ᠂ 10 ᠳ᠋ᠥᠩᠰᠢᠭᠤᠷ ᠪᠤᠰᠤᠭ᠎ᠠ ᠲᠥᠷᠪᠡᠯᠵᠢᠨ ᠮᠧᠲᠷ ᠨᠡᠮᠡᠭᠳᠡᠪᠡ᠃ ᠱᠠᠩᠬᠠᠢ ᠶᠢᠨ ᠰᠥᠮ᠎ᠡ | ᠡᠨᠧᠷᠬᠢ ᠬᠢᠮᠢ ᠶᠢᠨ ᠠᠵᠤ ᠥᠢᠯᠡᠳᠪᠥᠷᠢ ᠶᠢᠨ ᠰᠠᠭᠤᠷᠢᠨ ᠭᠠᠵᠠᠷ ᠤᠨ ᠡᠵᠡᠩᠨᠡᠯᠳᠡ ᠶᠢᠨ ᠤᠷᠤᠯᠭ᠎ᠠ 176.55 ᠳ᠋ᠥᠩᠰᠢᠭᠤᠷ ᠲᠥᠭᠦᠷᠢᠭ ᠭᠥᠷᠴᠥ᠂ ᠡᠭᠦᠨ ᠳᠤ | ᠭᠤᠤᠯᠯᠠᠬᠤ ᠠᠵᠤ ᠠᠬᠤᠶᠢᠯᠠᠯ ᠤᠨ ᠡᠵᠡᠩᠨᠡᠯᠳᠡ ᠶᠢᠨ ᠤᠷᠤᠯᠭ᠎ᠠ 101.46 ᠳ᠋ᠥᠩᠰᠢᠭᠤᠷ ᠲᠥᠭᠦᠷᠢᠭ ᠭᠥᠷᠪᠡ᠃ | ︵ᠭᠤᠷᠪᠠ︶ ᠬᠤᠳᠠ ᠪᠠᠯᠭᠠᠰᠤ ᠢᠵᠢ ᠴᠤᠭᠴᠠᠵᠢᠨ ᠵᠤᠬᠢᠴᠠᠩᠭᠤᠢ ᠭᠥᠭᠵᠢᠪᠡ᠃ ᠭᠥᠭᠵᠢᠯᠳᠡ ᠶᠢᠨ ᠪᠠᠶᠢᠷᠢᠯᠠᠭᠤᠯᠤᠯᠳᠠ ᠶᠢ ᠤᠯᠠᠮ ᠰᠢᠯᠢᠳᠡᠭᠵᠢᠭᠦᠯᠥᠨ᠂ | ᠬᠤᠳᠠ ᠭᠥᠳᠡᠭᠡ ᠶᠢᠨ ᠰᠠᠭᠤᠷᠢ ᠲᠥᠭᠦᠭᠡᠷᠤᠮᠵᠢ ᠶᠢᠨ ᠪᠠᠶᠢᠭᠤᠯᠤᠯᠳᠠ ᠶᠢ ᠲᠡᠭᠦᠯᠳᠡᠷᠵᠢᠭᠦᠯᠵᠥ᠂ ᠬᠤᠳᠠ ᠭᠥᠳᠡᠭᠡ ᠶᠢ ᠨᠢᠭᠡᠳᠥᠯᠳᠡᠢ ᠲᠥᠯᠥᠪᠵᠢᠭᠦᠯᠭᠦ ᠲᠤᠷᠰᠢᠯᠳᠠ | ᠶᠢᠨ ᠴᠡᠭ ᠤᠨ ᠪᠠᠶᠢᠭᠤᠯᠤᠯᠳᠠ ᠯᠠᠪᠳᠠᠭᠤᠨ ᠠᠬᠢᠭᠤᠯᠪᠠ᠃ ᠤᠯᠵᠠᠴᠢ ᠪᠠᠯᠭᠠᠰᠤᠨ ᠤ ᠮᠠᠯ ᠲᠠᠷᠢᠶᠠᠯᠠᠩ ᠤᠨ ᠵᠠᠬ᠎ᠠ᠂ ᠵᠡᠮ ᠵᠡᠭᠡᠯᠡᠢ ᠶᠢᠨ ᠥᠭᠡᠷᠡᠴᠢᠯᠡᠯᠳᠡ ᠪᠤᠯᠤᠨ | ᠱᠠᠩᠬᠠᠢ ᠶᠢᠨ ᠰᠥᠮ᠎ᠡ ᠶᠢᠨ ᠥᠢᠯᠡᠰ ᠪᠤᠰᠬᠠᠨ ᠠᠵᠢᠯ ᠤᠯᠬᠤ ᠵᠠᠬ᠎ᠠ ᠲᠡᠯᠭᠡᠭᠦᠷ᠂ ᠰᠠᠭᠤᠭᠠᠯᠢ ᠲᠤᠭᠤᠷᠢᠭ ᠵᠡᠷᠭᠡ ᠲᠥᠷᠥᠯ ᠵᠥᠢᠯ ᠤᠨ ᠪᠠᠶᠢᠭᠤᠯᠤᠯᠳᠠ ᠶᠢ | ᠭᠤᠤᠯᠳᠠᠯᠭᠠᠳᠠᠢ ᠭᠡᠷᠡᠭᠵᠢᠭᠦᠯᠪᠡ᠃ ᠤᠯᠵᠠᠴᠢ ᠪᠠᠯᠭᠠᠰᠤᠨ ᠤ ᠪᠠᠶᠢᠭᠤᠯᠤᠭᠳᠠᠭᠰᠠᠨ ᠤᠷᠤᠨ ᠤ ᠴᠡᠴᠡᠷᠯᠢᠭᠵᠢᠭᠦᠯᠥᠭᠰᠡᠨ ᠲᠠᠯᠠᠪᠠᠢ 310 ᠲᠥᠮᠡᠨ ᠬᠠᠪᠳᠠᠭᠠᠢ | ᠲᠥᠷᠪᠡᠯᠵᠢᠨ ᠮᠧᠲᠷ ᠭᠥᠷᠥᠨ᠂ ᠱᠠᠩᠬᠠᠢ ᠶᠢᠨ ᠰᠥᠮ᠎ᠡ ᠪᠠᠯᠭᠠᠰᠤᠨ ᠤ ᠴᠡᠴᠡᠷᠯᠢᠭᠵᠢᠭᠦᠯᠥᠭᠰᠡᠨ ᠲᠠᠯᠠᠪᠠᠢ 38 ᠲᠥᠮᠡᠨ ᠬᠠᠪᠳᠠᠭᠠᠢ ᠲᠥᠷᠪᠡᠯᠵᠢᠨ ᠮᠧᠲᠷ ᠭᠥᠷᠪᠡ᠃ | ᠨᠠᠩᠰᠤ᠂ ᠪᠤᠷᠤᠪᠠᠯᠭᠠᠰᠤ ᠶᠢᠨ ᠬᠤᠳᠠ ᠪᠠᠯᠭᠠᠰᠤᠨ ᠤ ᠮᠠᠯ ᠲᠠᠷᠢᠶᠠᠯᠠᠩ ᠤᠨ ᠵᠠᠬ᠎ᠠ ᠲᠡᠯᠭᠡᠭᠦᠷ ᠠᠰᠢᠭᠯᠠᠯᠳᠠ ᠳᠤ ᠤᠷᠤᠪᠡ︔ ᠰᠢᠨ᠎ᠡ ᠮᠠᠶ᠋ᠢᠭ ᠤᠨ ᠠᠶᠢᠯ ᠲᠤᠰᠬᠤᠨ | ᠪᠤᠯᠤᠨ ᠰᠠᠭᠤᠭᠠᠯᠢ ᠠᠷᠠᠳ ᠤᠨ ᠴᠡᠭ ᠤᠨ ᠠᠵᠤ ᠥᠢᠯᠡᠰ ᠤᠨ ᠲᠥᠭᠦᠷᠵᠢᠯ᠂ ᠮᠠᠯ ᠲᠠᠷᠢᠶᠠᠯᠠᠩ ᠤᠨ ᠰᠠᠭᠤᠷᠢ ᠲᠥᠭᠦᠭᠡᠷᠥᠮᠵᠢ ᠶᠢᠨ ᠪᠠᠶᠢᠭᠤᠯᠤᠯᠳᠠ ᠶᠢ ᠬᠠᠮᠳᠤ ᠳᠤ | ᠨᠢ ᠭᠥᠭᠵᠢᠭᠦᠯᠵᠥ᠂ ᠤᠳᠤ ᠥᠶ᠎ᠡ ᠶᠢᠨ ᠲᠠᠷᠢᠶᠠᠯᠠᠩ ᠤᠨ ᠰᠠᠭᠤᠷᠢᠨ 1.5 ᠲᠥᠮᠡᠨ ᠮᠤ᠋᠂ ᠲᠡᠵᠢᠭᠡᠯ ᠡᠪᠡᠰᠥᠨ ᠰᠠᠭᠤᠷᠢᠨ 5 ᠲᠥᠮᠡᠨ ᠮᠤ᠋᠂ ᠠᠯᠠᠰᠢᠨ ᠮᠠᠯ | ᠲᠡᠵᠢᠭᠡᠵᠥ ᠥᠷᠡᠵᠢᠭᠦᠯᠭᠦ ᠭᠥᠷᠢᠶᠡᠯᠠᠩ 3 ᠶᠢ ᠰᠢᠨ᠎ᠡ ᠪᠠᠷ ᠪᠠᠶᠢᠭᠤᠯᠤᠨ᠂ ᠤᠳᠤ ᠥᠶ᠎ᠡ ᠶᠢᠨ ᠭᠡᠷ ᠪᠥᠯᠢ ᠶᠢᠨ ᠮᠠᠯᠵᠢᠯ ᠲᠠᠷᠢᠶᠠᠯᠠᠩ ᠤᠨ ᠡᠳ᠋ᠯᠠᠩ ᠪᠥᠭᠦᠢ ᠡᠷᠥᠭᠡ ᠶᠢ | 200 ᠪᠤᠶᠢᠵᠢᠭᠤᠯᠪᠠ᠃ | ︵ᠲᠥᠷᠪᠡ︶ ᠭᠤᠷᠪᠠᠳᠤᠭᠠᠷ ᠠᠵᠤ ᠥᠢᠯᠡᠰ ᠤᠯᠠᠮ ᠢᠶᠠᠷ ᠲᠡᠰ ᠲᠡᠪᠰᠢᠪᠡ᠃ ᠰᠤᠶᠤᠯ᠂ ᠵᠢᠭᠤᠯᠴᠢᠯᠠᠯ ᠠᠭᠤᠰᠤᠯᠴᠠᠨ ᠭᠥᠭᠵᠢᠵᠥ᠂ ᠵᠢᠭᠤᠯᠴᠢᠯᠠᠯ ᠤᠨ | ᠥᠢᠯᠡᠰ ᠤᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠲᠤᠭᠳᠠᠭᠠᠵᠤ ᠭᠡᠷᠡᠭᠵᠢᠭᠦᠯᠥᠨ᠂ ᠨᠢᠩᠰᠢᠶᠡ ᠵᠡᠷᠭᠡ ᠬᠠᠪᠢ ᠵᠡᠷᠭᠡᠯᠳᠡᠭᠡ ᠤᠷᠤᠨ ᠯᠤᠭ᠎ᠠ ᠶᠢᠨ | ᠬᠠᠮᠳᠤᠷᠠᠯᠴᠠᠭ᠎ᠠ ᠰᠤᠯᠢᠯᠴᠠᠭ᠎ᠠ ᠶᠢ ᠴᠢᠬᠤᠯᠠᠴᠢᠯᠠᠵᠤ᠂ ᠤᠷᠤᠨ ᠬᠡᠪᠴᠢᠶᠡᠨ ᠤ ᠰᠤᠶᠤᠯ ᠤᠨ ᠵᠢᠭᠤᠯᠴᠢᠯᠠᠯ ᠤᠨ ᠠᠵᠣ ᠣᠶᠢᠯᠠᠰᠵᠢᠭ᠍ᠰᠡᠨ ᠭᠥᠭᠵᠢᠯᠳᠡ ᠶᠢ ᠠᠬᠢᠭᠤᠯᠪᠠ︔ | ᠭᠤᠯᠤᠮᠳᠠ ᠭᠠᠯ ᠤᠨ ᠲᠠᠬᠢᠯᠭ᠎ᠠ ᠲᠠᠶᠢᠯᠭ᠎ᠠ ᠱᠠᠩᠬᠠᠢ ᠶᠢᠨ ᠬᠢᠨᠢᠰ ᠤᠨ ᠲᠡᠮᠳᠡᠭᠯᠡᠯ ᠳᠤ ᠪᠥᠷᠢᠳᠭᠡᠭᠦᠯᠥᠨ᠂ ᠶᠠᠨ ᠠᠨ ᠤ ᠥᠨᠳᠥᠰᠥᠳᠡᠨ ᠤ ᠲᠡᠭᠡᠳᠤ ᠰᠤᠷᠭᠠᠭᠤᠯᠢ | ᠶᠢᠨ ᠪᠤᠷᠤᠪᠠᠯᠭᠠᠰᠤᠨ ᠳᠤ ᠬᠢ ᠲᠤᠷᠠᠰᠬᠠᠯ ᠤᠨ ᠣᠷᠳᠣᠨ ᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂ ᠲᠤᠮᠤ ᠭᠡᠯᠪᠡᠷᠢ ᠶᠢᠨ ᠪᠠᠶᠠᠷ ᠲᠤᠷᠠᠰᠬᠠᠯ ᠤᠨ | ᠰᠤᠷᠳᠠᠯᠴᠢᠯᠠᠭ᠎ᠠ ᠪᠠ ᠰᠤᠶᠤᠯ ᠥᠵᠡᠭᠦᠯᠥᠭᠡ ᠵᠡᠷᠭᠡ ᠶᠢᠨ ᠨᠡᠷ᠎ᠡ ᠠᠯᠳᠠᠷᠰᠢᠯ ᠥᠷᠭᠡᠵᠢᠪᠡ᠃ ︽ᠮᠠᠯᠴᠢᠨ ᠲᠠᠷᠢᠶᠠᠴᠢᠨ ᠠᠶᠢᠯ ᠤᠨ ᠰᠠᠯᠠᠭᠦᠴᠡᠯ︾ | ᠤᠨ ᠭᠥᠯᠢᠶᠡᠨ ᠵᠤᠴᠢᠯᠠᠬᠤ 60 ᠡᠷᠥᠭᠡ ᠶᠢ ᠭᠥᠭᠵᠢᠭᠦᠯᠪᠡ᠃ ᠮᠥᠩᠭᠦᠨ ᠭᠥᠢᠯᠭᠡᠭᠡᠨ ᠤ ᠥᠢᠯᠡᠴᠢᠯᠡᠭᠡ ᠶᠢᠨ ᠥᠢᠯᠡᠰ ᠯᠠᠪᠳᠠᠭᠤᠨ ᠠᠬᠢᠨ᠂ ᠠᠷᠠᠳ ᠤᠯᠠᠨ ᠤ | ᠭᠡᠷᠡᠭᠯᠡᠭᠡᠨ ᠤ ᠤᠷᠴᠢᠨ ᠤᠯᠠᠮ ᠰᠢᠯᠢᠳᠡᠭᠵᠢᠵᠥ᠂ ᠭᠤᠷᠪᠠᠳᠤᠭᠠᠷ ᠠᠵᠤ ᠥᠢᠯᠡᠰ ᠤᠨ ᠨᠡᠮᠡᠭᠳᠡᠯ ᠥᠷᠳᠡᠭ 36 ᠳ᠋ᠥᠩᠰᠢᠭᠤᠷ ᠲᠥᠭᠦᠷᠢᠭ ᠭᠥᠷᠴᠤ᠂ 20. | 56%ᠨᠡᠮᠡᠭᠳᠡᠪᠡ᠃ ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠶᠡᠷᠥᠩᠭᠡᠢ ᠥᠷᠳᠡᠭ 16 ᠳ᠋ᠥᠩᠰᠢᠭᠤᠷ ᠲᠥᠭᠦᠷᠢᠭ ᠭᠥᠷᠴᠤ᠂ 13. | 64% ᠨᠡᠮᠡᠭᠳᠡᠪᠡ᠃ | ︵ᠲᠠᠪᠤ︶ ᠭᠥᠭᠵᠢᠯᠳᠡ ᠶᠢᠨ ᠤᠷᠴᠢᠨ ᠥᠷᠭᠦᠯᠵᠢᠯᠡᠨ ᠰᠠᠶᠢᠵᠢᠷᠠᠪᠠ᠃ ᠮᠠᠯ ᠪᠡᠯᠴᠢᠭᠡᠷ ᠢ ᠲᠡᠩᠴᠡᠭᠦᠷᠢᠰᠢᠭᠦᠯᠭᠦ ᠲᠥᠷᠥ ᠶᠢᠨ ᠪᠤᠳᠤᠯᠭ᠎ᠠ ᠶᠢ ᠡᠷᠡᠰ | ᠭᠡᠷᠡᠭᠵᠢᠭᠦᠯᠥᠨ᠂ ᠪᠠᠶᠢᠭᠠᠯᠢ ᠶᠢᠨ ᠤᠢ ᠶᠢᠨ ᠬᠠᠮᠭᠠᠯᠠᠯᠳᠠ᠂ ᠪᠡᠯᠴᠢᠭᠡᠷ ᠢ ᠰᠤᠯᠠᠳᠬᠠᠨ ᠡᠪᠡᠰᠤ ᠲᠠᠷᠢᠬᠤ᠂ ᠲᠠᠷᠢᠶᠠᠨ ᠭᠠᠵᠠᠷ ᠢ ᠠᠳᠠᠷᠰᠢᠭᠤᠯᠤᠨ ᠤᠶᠢᠵᠢᠭᠤᠯᠬᠤ | ᠵᠡᠷᠭᠡ ᠠᠮᠢ ᠠᠬᠤᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠭᠡᠷᠡᠭᠵᠢᠭᠦᠯᠵᠥ᠂ 16 ᠲᠥᠮᠡᠨ ᠮᠤ᠋ ᠭᠠᠵᠠᠷ ᠤᠶᠢᠵᠢᠭᠤᠯᠤᠨ᠂ 80 ᠲᠥᠮᠡᠨ ᠮᠤ᠋ ᠪᠡᠯᠴᠢᠭᠡᠷ ᠢ | ᠰᠤᠯᠠᠳᠬᠠᠵᠤ ᠡᠪᠡᠰᠤ ᠲᠠᠷᠢᠪᠠ᠃ 20.5 ᠲᠥᠮᠡᠨ ᠮᠤ᠋ ᠭᠥᠷᠥᠰᠤ ᠰᠢᠷᠥᠢ ᠶᠢ ᠬᠠᠮᠠᠭᠠᠯᠠᠬᠤ ᠶᠡᠷᠥᠩᠭᠡᠶᠢᠯᠡᠭᠰᠡᠨ ᠵᠠᠰᠠᠯᠳᠠ ᠶᠢ ᠭᠡᠷᠡᠭᠵᠢᠭᠦᠯᠪᠡ᠃ 74 ᠲᠤᠮᠤ ᠬᠡᠯᠪᠡᠷᠢ | ᠶᠢᠨ ᠰᠥᠷᠴᠢᠨ ᠤᠰᠤᠯᠠᠬᠤ ᠲᠥᠭᠦᠭᠡᠷᠤᠮᠵᠢ ᠪᠤᠯᠤᠨ 1194 ᠰᠠᠭᠤᠷᠢ ᠲᠥᠭᠦᠷ ᠲᠠᠷᠢᠶᠠᠯᠠᠩ ᠤᠨ ᠮᠠᠰᠢᠨ ᠲᠥᠭᠦᠭᠡᠷᠤᠮᠵᠢ ᠲᠤᠬᠢᠷᠠᠭᠤᠯᠪᠠ᠃ 1717 ᠺᠢᠯᠤᠮᠧᠲᠷ | ᠤᠨ ᠲᠠᠷᠢᠶᠠᠯᠠᠩ ᠤᠨ ᠴᠠᠬᠢᠯᠭᠠᠨ ᠲᠠᠳᠠᠵᠤ᠂ 883 ᠲᠥᠭᠦᠷ ︽ᠨᠠᠷᠠᠨ ᠡᠨᠧᠷᠬᠢ ᠰᠠᠯᠬᠢᠨ ᠴᠠᠬᠢᠯᠭᠠᠨ︾ ᠴᠠᠬᠢᠯᠭᠠᠨ ᠭᠠᠷᠭᠠᠭᠤᠷ ᠤᠭᠰᠠᠷᠠᠨ᠂ ᠰᠢᠨ᠎ᠡ ᠪᠠᠷ 2696 | ᠡᠷᠦᠬᠡ ᠳᠤ ᠴᠠᠬᠢᠯᠭᠠᠨ ᠨᠡᠪᠳᠡᠷᠭᠦᠯᠪᠡ᠃ 110 ᠺᠢᠯᠤᠸᠤᠯᠲ ᠪᠠ 35 ᠺᠢᠯᠤᠸᠤᠯᠲ ᠤᠨ 4 ᠰᠠᠭᠤᠷᠢ ᠴᠠᠬᠢᠯᠭᠠᠨ ᠬᠤᠪᠢᠰᠬᠠᠬᠤ ᠥᠷᠳᠡᠭᠡ ᠶᠢᠨ ᠴᠢᠳᠠᠮᠵᠢ ᠶᠢ | ᠨᠡᠮᠡᠭᠳᠡᠭᠦᠯᠥᠨ ᠰᠢᠨᠡᠴᠢᠯᠡᠵᠣ ᠰᠢᠨ᠎ᠡ ᠪᠠᠷ 1 ᠰᠠᠭᠤᠷᠢ 110 ᠺᠢᠯᠤᠸᠤᠯᠲ ᠶᠢᠨ ᠴᠢᠬᠢᠯᠭᠠᠨ ᠬᠤᠪᠢᠰᠬᠠᠬᠤ ᠦᠷᠳᠡᠭᠡ᠂ 4 ᠰᠠᠭᠤᠷᠢ 35 ᠺᠢᠯᠤᠸᠤᠯᠲ | ᠶᠢᠨ ᠴᠠᠬᠢᠯᠭᠠᠨ ᠬᠤᠪᠢᠰᠬᠠᠬᠤ ᠦᠷᠳᠡᠭᠡ ᠪᠠᠳᠣᠯᠠᠪᠠ᠃ ᠴᠠᠭᠠᠨᠨᠠᠭᠤᠷ ᠠᠴᠠ ᠤᠯᠵᠠᠴᠢ ᠶᠢ ᠲᠠᠭᠠᠷᠢᠨ ᠲᠡᠷᠭᠡ ᠰᠢᠶᠡᠨ ᠳᠤ ᠶᠢᠨ ᠴᠢᠩ ᠲᠥᠷᠭᠡᠨ ᠵᠠᠮ ᠳᠤ | ᠨᠡᠪᠳᠡᠷᠭᠦᠯᠭᠦ ᠵᠠᠰᠠᠮᠠᠯ ᠵᠠᠮ ᠤᠨ ᠪᠠᠶᠢᠭᠤᠯᠤᠯᠳᠠ ᠶᠢ ᠲᠠᠭᠤᠰᠬᠠᠵᠤ᠂ ᠤᠯᠵᠠᠴᠢ ᠠᠴᠠ ᠳ᠋ᠥᠩ ᠳ᠋ᠤᠤ ᠯᠢᠶᠠᠩ ︵ᠥᠪᠥᠷ ᠮᠤᠩᠭᠤᠯ ᠨᠢᠩᠰᠢᠶᠠ ᠶᠢᠨ ᠰᠠᠪᠠ︶ ᠭᠥᠷᠭᠦ | ᠲᠥᠷᠭᠡᠨ ᠵᠠᠮ ᠤᠨ ᠪᠠᠶᠢᠭᠤᠯᠤᠯᠳᠠ ᠥᠪᠡᠷᠳᠡᠭᠡᠨ ᠵᠠᠰᠠᠬᠤ ᠤᠷᠤᠨ ᠤ ᠭᠥᠭᠵᠢᠭᠦᠯᠥᠯᠳᠡ ᠥᠭᠡᠷᠡᠴᠢᠯᠠᠯᠳᠠ ᠶᠢᠨ ᠵᠥᠪᠯᠡᠯ ᠤᠨ ᠴᠤᠬᠤᠯᠠᠪᠤᠷᠢᠯᠠᠯ ᠢ ᠤᠯᠪᠠ︔ ᠲᠣᠯᠢ | ᠠᠴᠠ ᠱᠠᠩᠬᠠᠢ ᠶᠢᠨ ᠰᠥᠮ᠎ᠡ ᠭᠥᠷᠭᠦ ᠲᠡᠮᠤᠷ ᠵᠠᠮ᠂ ᠤᠯᠵᠠᠴᠢ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠠᠷᠢᠯᠭ᠎ᠠ ᠶᠢᠨ ᠡᠮᠥᠨ᠎ᠡ ᠬᠤᠭᠤᠴᠠᠭᠠᠨ ᠤ ᠠᠵᠢᠯ | ᠯᠠᠪᠳᠠᠭᠤᠨ ᠠᠬᠢᠵᠤ᠂ ᠭᠠᠴᠠᠭ᠎ᠠ ᠲᠤᠰᠬᠤᠨ ᠳᠤ ᠨᠡᠪᠳᠡᠷᠡᠭᠦ ᠴᠠᠷᠳᠠᠮᠠᠯ ᠵᠠᠮ ᠢ 67 ᠺᠢᠯᠤᠮᠧᠲᠷ ᠵᠠᠰᠠᠪᠠ᠃ ︵ᠵᠢᠷᠭᠤᠭ᠎ᠠ︶ ᠠᠷᠠᠳ ᠤᠨ ᠠᠮᠢᠳᠤᠷᠠᠯ ᠤᠨ | ᠬᠠᠷᠠᠭᠠᠯᠵᠠᠯ ᠢ ᠨᠡᠩ ᠰᠠᠶᠢᠨ ᠪᠠᠳᠤᠯᠠᠪᠠ᠃ ᠬᠤᠳᠠ ᠭᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠪᠠᠷᠢᠮᠵᠢᠶ᠎ᠠ ᠭᠥᠮᠥᠨ ᠲᠤᠳᠤᠮ ᠰᠠᠷ᠎ᠠ | ᠪᠥᠷᠢ ᠲᠤᠰ ᠲᠤᠰ 550 ᠲᠥᠭᠦᠷᠢ ᠪᠠ 310 ᠲᠥᠭᠦᠷᠢᠭ ᠭᠥᠷᠴᠤ᠂ ᠬᠤᠳᠠ ᠭᠥᠳᠡᠭᠡ ᠶᠢᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠭᠥᠮᠥᠨ ᠲᠤᠳᠤᠮ ᠰᠠᠷ᠎ᠠ | ᠪᠥᠷᠢ ᠲᠤᠰ ᠲᠤᠰ 480 ᠲᠥᠭᠦᠷᠢᠭ ᠪᠠ 390 ᠲᠥᠭᠦᠷᠢᠭ ᠭᠥᠷᠳᠡᠯ᠎ᠡ ᠥᠰᠭᠡᠨ᠂ ᠬᠤᠳᠠ ᠭᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠲᠠᠭᠠᠳᠬᠠᠯ ᠤᠨ ᠭᠥᠮᠥᠨ ᠲᠤᠮᠳᠠᠴᠢᠯᠠᠭᠰᠠᠨ ᠪᠡᠯᠡ ᠴᠤᠭᠯᠠᠭᠤᠯᠬᠤ ᠪᠡᠷᠢᠮᠵᠢᠶ᠎ᠠ ᠶᠢ ᠲᠡᠭᠡᠭᠰᠢᠯᠡᠭᠦᠯᠥᠭᠡᠳ 578 ᠲᠥᠭᠦᠷᠢᠭ ᠪᠤᠯᠭᠠᠵᠤ᠂ ᠬᠠᠮᠤᠭ ᠥᠨᠳᠥᠷ ᠲᠠᠩᠰᠠ | ᠲᠠᠶᠢᠯᠬᠤ ᠭᠡᠮᠵᠢᠶ᠎ᠡ ᠶᠢ 20 ᠲᠥᠮᠡᠨ ᠲᠥᠭᠦᠷᠢᠭ ᠭᠥᠷᠭᠡᠪᠡ᠃ 11 ᠰᠠᠭᠤᠷᠢ ᠲᠣᠮᠳᠡᠳᠦ ᠪᠠᠭ᠎ᠠ ᠰᠤᠷᠭᠠᠭᠤᠯᠢ ᠪᠠ ᠭᠡᠥᠭᠡᠳ ᠤᠨ ᠴᠡᠴᠡᠷᠯᠢᠭ ᠢ ᠥᠭᠡᠷᠴᠢᠯᠡᠨ | ᠪᠠᠶᠢᠭᠤᠯᠵᠤ᠂ ᠰᠢᠮ᠎ᠡ ᠲᠡᠵᠢᠭᠡᠯ ᠲᠠᠢ ᠥᠷᠯᠥᠭᠡ ᠶᠢᠨ ᠬᠤᠭᠤᠯᠠ ᠶᠢᠨ ᠢᠨᠵᠧᠨ᠋ᠷᠢᠩ ᠢ ᠥᠷᠭᠦᠯᠵᠢᠯᠡᠨ ᠶᠠᠪᠤᠭᠳᠠᠭᠤᠯᠪᠠ᠃ ᠬᠤᠳᠠ ᠭᠥᠳᠡᠭᠡ ᠶᠢᠨ ᠰᠤᠶᠤᠯ ᠤᠨ | ᠠᠵᠢᠯᠯᠠᠭᠠᠨ ᠤ ᠲᠥᠪ ᠢ 4 ᠪᠠᠶᠢᠭᠤᠯᠵᠤ᠂ ᠤᠯᠠᠨ ᠡᠰᠢᠳᠤ ᠢᠷᠠᠭᠤ ᠭᠤᠴᠤ ᠰᠤᠶᠤᠯ ᠤᠷᠠᠯᠢᠭ ᠤᠨ ᠪᠥᠳᠥᠭᠡᠯ ᠭᠠᠷᠭᠠᠵᠤ᠂ ᠠᠷᠠᠳ ᠤᠯᠠᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠵᠤ᠂ ᠤᠯᠤᠰ ᠤᠨ ᠤᠯᠠᠨ ᠨᠡᠶᠢᠳᠡ ᠶᠢᠨ ᠰᠤᠶᠤᠯ ᠤᠨ ᠥᠢᠯᠡᠴᠢᠯᠡᠭᠡᠨ ᠤ ᠤ ᠰᠢᠰᠲ᠋ᠧᠮ ᠤᠨ ᠲᠠᠭᠤᠷᠢᠶᠠᠯ ᠤᠷᠤᠨ ᠤ ᠬᠢᠨᠨ ᠰᠢᠯᠭᠠᠯᠳᠠ | ᠶᠢ ᠤᠷᠤᠭᠰᠢᠳᠠᠢ ᠲᠤᠭᠤᠯᠪᠠ᠃ ᠬᠤᠰᠢᠭᠤ ᠡᠮᠨᠡᠯᠭᠡ ᠶᠢᠨ ᠬᠤᠷᠢᠶ᠎ᠠ ᠶᠢ ᠥᠭᠡᠷᠴᠢᠯᠡᠨ ᠰᠢᠨᠡᠳᠭᠡᠵᠥ᠂ ᠡᠮ ᠡᠮᠴᠢᠯᠡᠭᠡ ᠡᠷᠡᠭᠦᠯ ᠬᠠᠮᠠᠭᠠᠯᠠᠯ ᠤᠨ ᠤᠷᠴᠢᠨ ᠢ ᠣᠯᠠᠮ | ᠲᠡᠭᠦᠯᠳᠡᠷᠵᠢᠭᠦᠯᠪᠡ᠃ ᠪᠠᠳᠤᠯᠠᠭ᠎ᠠ ᠶᠢᠨ ᠤᠷᠤᠨ ᠰᠠᠭᠤᠴᠠ 1322 ᠲᠥᠭᠦᠷ ᠪᠠᠶᠢᠭᠤᠯᠵᠤ᠂ ᠡᠭᠦᠨ ᠳᠤ 504 ᠲᠥᠭᠦᠷ ᠬᠢᠮᠳᠠ ᠲᠥᠷᠢᠶᠡᠰᠥᠨ ᠭᠡᠷ ᠢ ᠪᠠᠭᠳᠠᠭᠠᠪᠠ | ︔ ᠬᠤᠳᠠ ᠠᠴᠠ ᠲᠤᠭᠳᠠᠭᠠᠭᠰᠠᠨ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠭᠡᠷ ᠪᠠᠷᠢᠯᠭ᠎ᠠ ᠶᠢ ᠥᠭᠡᠷᠡᠴᠢᠯᠡᠬᠦ ᠡᠬᠦᠷᠭᠡ ᠪᠠᠨ ᠪᠦᠬᠦ ᠲᠠᠯ᠎ᠠ ᠪᠠᠷ | ᠪᠡᠶᠡᠯᠡᠬᠦᠯᠵᠤ᠂ ᠨᠡᠶᠢᠬᠡᠮ ᠤᠨ ᠪᠡᠯᠡ ᠴᠤᠭᠯᠠᠭᠤᠯᠤᠨ᠂ ᠤᠯᠠᠨ ᠲᠥᠮᠡᠨ ᠥᠪᠡᠰᠤᠪᠡᠨ ᠬᠤᠷᠠᠮᠳᠤᠭᠤᠯᠬᠤ ᠠᠷᠭ᠎ᠠ ᠪᠠᠷ 176 ᠤᠨᠴᠠ ᠭᠥᠴᠢᠷᠳᠡᠯ ᠲᠠᠢ ᠡᠷᠦᠭᠡ ᠶᠢᠨ | ᠠᠶᠣᠯᠳᠠᠢ ᠬᠠᠭᠤᠴᠢᠨ ᠭᠡᠷ ᠢ ᠰᠢᠨᠡᠳᠭᠡᠪᠡ᠃ 2650 ᠰᠢᠯᠵᠢᠭᠰᠡᠨ ᠮᠠᠯᠴᠢᠨ ᠲᠠᠷᠢᠶᠠᠴᠢᠳ ᠲᠤ ᠪᠤᠯᠪᠠᠰᠤᠷᠠᠯ ᠭᠥᠷᠳᠡᠭᠡᠵᠥ᠂ ᠥᠢᠯᠡᠰ ᠪᠥᠲᠥᠬᠡᠨ ᠠᠵᠢᠯ ᠤᠯᠬᠤ | ᠪᠠᠭ᠎ᠠ ᠲᠤᠭᠠᠲᠤ ᠳᠠᠭᠠᠯᠳᠠᠳᠤ ᠵᠢᠭᠡᠯᠡᠯᠬᠡ ᠶᠢ 2800 ᠲᠥᠮᠡᠨ ᠲᠦᠬᠦᠷᠢᠭ ᠲᠠᠯᠪᠢᠪᠠ᠃ ︽ᠴᠠᠬᠢᠷᠮ᠎ᠠ ᠴᠢᠳᠠᠪᠤᠷᠢᠳᠠᠳ︾ ᠤᠨ ᠪᠠᠶᠢᠯᠳᠤᠬᠤ ᠪᠤᠳᠤᠯᠭ᠎ᠠ ᠶᠢ | ᠭᠡᠷᠡᠭᠵᠢᠭᠦᠯᠵᠥ᠂ 325 ᠨᠡᠷ᠎ᠡ ᠲᠤᠰᠬᠠᠢ ᠮᠡᠷᠭᠡᠵᠢᠯᠳᠡᠨ ᠡᠯᠰᠡᠨ ᠭᠡᠷᠡᠭᠯᠡᠵᠣ᠂ ᠥᠨᠳᠥᠷ ᠲᠡᠰ ᠤᠨ ᠴᠢᠳᠠᠪᠤᠷᠢᠳᠠᠨ ᠢ 43 ᠤᠷᠢᠨ ᠭᠡᠷᠡᠭᠯᠡᠪᠡ᠃ ᠵᠠᠬᠢᠳᠠᠯ | ᠰᠤᠷᠪᠤᠯᠵᠢᠯᠠᠭ᠎ᠠ᠂ ᠠᠶᠥᠯᠭᠦᠢ ᠥᠢᠯᠡᠳᠪᠥᠷᠢᠯᠡᠯ᠂ ᠨᠡᠶᠢᠭᠡᠮ ᠤᠨ ᠠᠮᠤᠷ ᠬᠠᠮᠠᠭᠠᠯᠠᠯᠳᠠ᠂ ᠲᠥᠯᠥᠪᠯᠡᠭᠡ ᠲᠠᠢ ᠪᠠᠷ ᠭᠡᠥᠭᠡᠳ ᠠᠪᠬᠤ ᠵᠡᠷᠭᠡ ᠠᠵᠢᠯ ᠯᠠᠪᠳᠠᠭᠤᠨ ᠠᠬᠢᠵᠤ | ᠭᠥᠭᠵᠢᠯᠳᠡ ᠶᠢᠨ ᠤᠷᠴᠢᠨ ᠨᠠᠶᠢᠷᠠᠮᠳᠠᠨ ᠲᠤᠭᠳᠠᠪᠥᠷᠢᠵᠢᠪᠠ᠃ | 2013 ᠤᠨ ᠳᠤ ᠮᠠᠨ ᠤ ᠬᠤᠰᠢᠭᠤ ᠡᠯ᠎ᠡ ᠲᠠᠯ᠎ᠠ ᠶᠢᠨ ᠭᠥᠴᠢᠷᠳᠡᠯ ᠲᠠᠷᠤᠯᠳᠠ ᠶᠢ ᠢᠯᠠᠵᠤ᠂ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ | ᠲᠥᠷᠥᠯ ᠤᠨ ᠠᠵᠢᠯ ᠥᠢᠯᠡᠰ ᠢ ᠲᠤᠭᠳᠠᠭᠤᠨ ᠢᠶᠠᠷ ᠭᠥᠭᠵᠢᠭᠦᠯᠪᠡ᠃ ᠭᠡᠭᠦ ᠳᠤ᠂ ᠨᠢᠭᠡ ᠪᠥᠯᠥᠭ ᠭᠥᠴᠢᠷᠳᠠᠯ ᠪᠤᠯᠤᠨ ᠥᠷᠢᠰᠥᠯᠳᠥᠭᠡᠨ ᠪᠢᠳᠡᠠ ᠤ ᠡᠮᠥᠨ᠎ᠡ | ᠵᠠᠶᠢᠯᠠᠰᠢ ᠥᠭᠡᠢ ᠲᠣᠯᠭᠠᠷᠠᠵᠠᠢ᠄ ᠨᠢᠭᠡ ᠳᠤ᠂ ᠠᠵᠤ ᠥᠢᠯᠡᠳᠪᠤᠷᠢ ᠶᠢᠨ ᠲᠤᠮᠤ ᠲᠥᠷᠥᠯ ᠵᠥᠢᠯ ᠤᠨ ᠤᠷᠤᠨᠵᠢᠯᠳᠠ ᠴᠥᠬᠡᠨ᠂ ᠠᠵᠤ ᠠᠬᠤᠢ ᠶᠢᠨ ᠬᠦᠭᠵᠢᠯᠲᠡ | ᠶᠢᠨ ᠲᠠᠶᠢᠴᠢᠯᠠᠬᠤ ᠴᠢᠳᠠᠪᠤᠷᠢ ᠬᠦᠷᠦᠯᠴᠡᠬᠦ ᠥᠬᠡᠢ︔ ᠬᠤᠶᠠᠷ ᠲᠤ᠂ ᠬᠤᠳᠠ ᠭᠥᠳᠡᠭᠡ ᠶᠢᠨ ᠨᠢᠭᠡᠳᠥᠯᠳᠡᠢ ᠲᠥᠯᠥᠪᠵᠢᠭᠦᠯᠥᠯᠳᠡ ᠶᠢᠨ ᠲᠤᠷᠰᠢᠯᠳᠠ ᠶᠢᠨ ᠴᠡᠭ ᠤᠨ | ᠪᠠᠶᠢᠭᠤᠯᠤᠯᠳᠠ ᠯᠤᠭ᠎ᠠ ᠲᠥᠭᠦᠷᠵᠢᠭᠦᠯᠥᠨ ᠲᠤᠬᠢᠷᠠᠭᠤᠯᠤᠭᠰᠠᠨ ᠬᠤᠳᠠ ᠪᠠᠯᠭᠠᠰᠤᠨ ᠤ ᠥᠢᠯᠡᠴᠢᠯᠡᠭᠡᠨ ᠤ ᠴᠢᠳᠠᠪᠬᠢ᠂ ᠤᠯᠠᠨ ᠨᠡᠶᠢᠳᠡ ᠵᠢᠨᠥᠨᠳᠥᠰᠥᠨ | ᠥᠢᠯᠡᠴᠢᠯᠡᠭᠡ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠭᠦ ᠴᠢᠬᠤᠯᠠ ᠲᠠᠢ ᠪᠣᠢ︔ ᠭᠥᠭᠵᠢᠯᠳᠡ ᠶᠢᠨ ᠤᠷᠴᠢᠨ ᠢ ᠤᠯᠠᠮ ᠰᠢᠯᠢᠳᠡᠭᠵᠢᠭᠦᠯᠵᠥ᠂ ᠴᠠᠬᠢᠯᠭᠠᠨ | ᠭᠥᠴᠥᠨ᠂ ᠵᠠᠮ ᠨᠠᠪᠳᠡᠷᠯᠡᠭᠡ ᠵᠡᠷᠭᠡ ᠭᠥᠭᠵᠢᠯᠳᠡ ᠶᠢᠨ ᠲᠤᠯᠭᠠᠭᠤᠷᠢᠯᠠᠯ ᠠᠰᠠᠭᠤᠳᠠᠯ ᠢ ᠰᠢᠢᠳᠪᠥᠷᠢᠯᠡᠭᠦ ᠴᠢᠬᠤᠯᠠ ᠲᠠᠢ ᠪᠣᠢ᠃ | ᠬᠤᠶᠠᠷ᠂ 2014 ᠤᠨ ᠤ ᠤᠯᠤᠰ ᠠᠷᠠᠤᠨ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠭᠤᠤᠯ ᠪᠣᠯᠬᠤ ᠵᠢᠱᠢᠭᠰᠡᠨ ᠬᠠᠷᠠᠯᠳᠠ ᠵᠢᠴᠢ | ᠡᠬᠦᠷᠬᠡ | ᠭᠥᠭᠵᠢᠯᠳᠡ ᠶᠢᠨ ᠬᠤᠷᠸ᠎ᠠ ᠤᠷᠴᠢᠨ ᠪᠤᠯᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠪᠤᠳᠠᠳᠠᠢ ᠲᠠᠢ ᠨᠡᠶᠢᠴᠡᠭᠰᠡᠨ 2014 ᠤᠨ ᠤ | ᠪᠦᠬᠦ ᠬᠤᠰᠢᠭᠤᠨ ᠤ ᠤᠯᠣᠰ ᠠᠷᠠᠳ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠳᠠ ᠶᠢᠨ ᠭᠤᠤᠯ ᠪᠣᠯᠬᠤ ᠵᠢᠱᠢᠭᠰᠡᠨ ᠬᠠᠷᠠᠯᠳᠠ ᠪᠤᠯ᠄ | — ᠭᠠᠵᠠᠷ ᠤᠷᠤᠨ ᠤ ᠦᠢᠯᠡᠤᠨᠪᠤᠷᠢᠯᠠᠯ ᠤᠨ ᠶᠡᠷᠤᠩᠬᠡᠢ ᠦᠷᠳᠡᠭ ᠢ 135.7 ᠳ᠋ᠦᠩᠰᠢᠭᠤᠷ ᠲᠦᠬᠦᠷᠢᠭ ᠲᠤ ᠭᠥᠷᠭᠡᠵᠥ᠂ 15% ᠨᠡᠮᠡᠭᠳᠡᠭᠦᠯᠥᠨ᠎ᠡ᠃ | — ᠬᠤᠰᠢᠭᠤ ᠲᠤᠰ ᠱᠠᠳᠤᠨ ᠤ ᠨᠡᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 12.83 ᠳ᠋ᠦᠩᠰᠢᠭᠤᠷ ᠲᠦᠬᠦᠷᠢᠭ ᠲᠤ ᠭᠥᠷᠭᠡᠵᠥ᠂ | 10% ᠨᠡᠮᠡᠭᠳᠡᠭᠦᠯᠥᠨ᠎ᠡ᠃ | — ᠬᠤᠳᠠ ᠪᠠᠯᠭᠠᠰᠤᠨ ᠤ ᠰᠠᠭᠤᠭᠠᠯᠢ ᠠᠷᠠᠤᠨ ᠤᠨ ᠬᠦᠮᠤᠨ ᠳᠤᠳᠤᠮ ᠤᠨ ᠡᠵᠡᠮᠳᠡᠵᠤ ᠪᠤᠯᠬᠤ ᠤᠷᠤᠯᠭ᠎ᠠ ᠶᠢ 35650 ᠲᠦᠬᠦᠷᠢᠭ ᠲᠤ ᠬᠦᠷᠬᠡᠵᠤ᠂ 9% | ᠪᠠᠷ ᠨᠡᠮᠡᠭᠳᠡᠬᠦᠯᠤᠨ᠎ᠠ᠃ | — ᠮᠠᠯᠴᠢᠨ ᠲᠠᠷᠢᠶᠠᠴᠢᠳ ᠤᠨ ᠬᠦᠮᠤᠨ ᠳᠤᠳᠤᠮ ᠤᠨ ᠴᠡᠪᠡᠷ ᠤᠷᠤᠯᠭ᠎ᠠ ᠶᠢ 14080 ᠲᠦᠬᠦᠷᠢᠭ ᠲᠤ ᠬᠦᠷᠬᠡᠵᠤ᠂ 10% ᠪᠠᠷ ᠨᠡᠮᠡᠭᠳᠡᠬᠦᠯᠤᠨ᠎ᠠ᠃ | — ᠪᠦᠬᠦ ᠨᠠᠶᠢᠬᠡᠮ ᠤᠨ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 265 ᠳ᠋ᠦᠩᠰᠢᠭᠤᠷ ᠲᠦᠬᠦᠷᠢᠭ ᠲᠤ ᠬᠦᠷᠬᠡᠵᠤ᠂ 15% ᠪᠠᠷ | ᠨᠡᠮᠡᠭᠳᠡᠬᠦᠯᠤᠨ᠎ᠠ᠃ | — ᠨᠡᠶᠢᠬᠡᠮ ᠤᠨ ᠬᠡᠷᠡᠭᠯᠡᠭᠡᠨ ᠤ ᠳᠠᠸᠠᠷ ᠤᠨ ᠵᠢᠵᠢᠭᠯᠡᠨ ᠪᠤᠷᠤᠯᠠᠭᠤᠯᠬᠤ ᠥᠷᠳᠡᠭ ᠢ 18.2 ᠳ᠋ᠥᠩᠰᠢᠭᠤᠷ ᠲᠦᠭᠦᠷᠢᠭ ᠲᠤ ᠬᠦᠷᠬᠡᠵᠤ᠂ 14% ᠪᠠᠷ | ᠨᠡᠮᠡᠭᠳᠡᠬᠦᠯᠤᠨ᠎ᠠ᠃ | ᠳᠡᠬᠡᠷ᠎ᠠ ᠳᠤᠷᠠᠳᠤᠭᠰᠡᠨ ᠬᠠᠷᠠᠯᠳᠠ ᠶᠢᠨ ᠳᠤᠭᠤᠷᠢᠨ ᠳᠤ᠂ 2014 ᠤᠨ ᠤ ᠠᠵᠢᠯ ᠢᠶᠠᠨ ᠰᠠᠶᠢᠳᠤᠷ ᠬᠢᠬᠦ ᠳᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯᠳᠤᠭᠠᠨ᠂ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠠ ᠶᠢᠨ | ᠰᠡᠤᠨᠬᠢᠮᠵᠢ ᠪᠠ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠦᠷᠪᠡᠳᠤᠬᠡᠷ ᠪᠦᠬᠦᠳᠠ ︵ᠦᠷᠬᠡᠤᠨᠬᠡᠭᠰᠡᠨ︶ ᠬᠤᠷᠠᠯᠳᠤᠭᠠᠨ ᠵᠢᠴᠢ ᠪᠦᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠵᠤ᠂ ᠠᠵᠤ ᠥᠢᠯᠡᠳᠪᠤᠷᠢ ᠶᠢᠨ ᠲᠥᠷᠥᠯ ᠵᠥᠢᠯ ᠤᠨ | ᠤᠷᠤᠨᠵᠢᠯᠳᠠ ᠶᠢ ᠠᠳᠬᠤᠨ᠂ ᠬᠤᠳᠠ ᠬᠦᠳᠡᠭᠡ ᠶᠢᠨ ᠴᠤᠭᠴᠠᠵᠢᠭᠰᠠᠨ ᠬᠦᠭᠵᠢᠯᠲᠡ ᠶᠢ ᠠᠬᠢᠭᠤᠯᠵᠤ᠂ ᠳᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠠᠤᠨᠬᠤᠨ᠂ | ᠠᠷᠠᠤᠨ ᠤᠨ ᠠᠮᠢᠳᠤᠷᠠᠯ ᠢ ᠥᠷᠬᠦᠯᠵᠢᠯᠡᠨ ᠪᠠᠳᠤᠯᠠᠨ ᠰᠠᠶᠢᠵᠢᠷᠠᠭᠤᠯᠵᠤ᠂ ᠠᠵᠤ ᠠᠬᠤᠢ ᠨᠠᠶᠢᠬᠡᠮ ᠤᠨ ᠦᠷᠬᠦᠯᠴᠠᠬᠦᠶᠢᠴᠠ ᠡᠷᠡᠬᠦᠯ ᠬᠦᠭᠵᠢᠯᠳᠠ ᠶᠢ ᠠᠬᠢᠭᠤᠯᠬᠤ | ᠬᠡᠷᠡᠭᠳᠠᠢ᠃ | ︵ᠨᠢᠭᠡ︶ ᠭᠤᠤᠯᠳᠠᠯᠭ᠎ᠠ ᠶᠢ ᠲᠤᠪᠤᠶᠢᠯᠭᠠᠨ᠂ ᠲᠥᠷᠥᠯ ᠵᠥᠢᠯ ᠤᠨ ᠤᠷᠤᠨᠵᠢᠯᠳᠠ ᠶᠢ ᠴᠢᠩᠭ᠎ᠠ ᠠᠳᠬᠤᠨ᠎ᠠ᠃᠂ ᠤᠯᠤᠰ ᠤᠨ ᠠᠭᠠᠷ ᠮᠠᠨᠳᠠᠯ ᠤᠨ | ᠪᠤᠬᠢᠷᠳᠤᠯ ᠢ ᠰᠡᠷᠬᠡᠶᠢᠯᠡᠨ ᠵᠠᠰᠠᠵᠤ᠂ ᠪᠤᠬᠢᠷᠳᠤᠯ ᠦᠬᠡᠢ ᠡᠨᠧᠷᠬᠢ ᠶᠢᠨ ᠤᠶᠢᠯᠡᠰ ᠢ ᠬᠦᠭᠵᠢᠬᠦᠯᠬᠦ ᠪᠠ ᠦᠪᠡᠷᠳᠡᠬᠡᠨ ᠵᠠᠰᠠᠬᠤ ᠤᠷᠤᠨ ᠤ ︽ᠳᠠᠪᠤᠨ ᠶᠡᠭᠡ ᠰᠠᠭᠤᠷᠢᠨ | ᠭᠠᠵᠠᠷ︾ ᠢ ᠪᠠᠶᠢᠭᠤᠯᠬᠤ ᠳᠤᠬᠢᠶᠠᠯ ᠢ ᠴᠢᠩᠭ᠎ᠠ ᠡᠵᠡᠮᠳᠡᠵᠤ᠂ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ ᠰᠠᠭᠤᠷᠢᠨ ᠭᠠᠵᠠᠷ ᠢᠶᠠᠷ | ᠠᠴᠢᠶᠠᠯᠠᠭᠴᠢ ᠪᠤᠯᠭᠠᠵᠤ᠂ ᠪᠤᠬᠢᠷᠳᠤᠯ ᠦᠬᠡᠢ ᠡᠨᠧᠷᠬᠢ ᠪᠠ ᠤᠳᠤᠬᠢᠴᠢᠯᠠᠭᠰᠡᠨ ᠨᠡᠬᠦᠷᠡᠰᠤ ᠬᠢᠮᠢ ᠶᠢᠨ ᠠᠵᠤ ᠤᠶᠢᠯᠡᠤᠨᠪᠤᠷᠢ ᠶᠢᠨ ᠤᠶᠢᠯᠡᠰ ᠢ ᠶᠡᠬᠡᠪᠡᠷ ᠬᠦᠭᠵᠢᠬᠦᠯᠵᠤ | ᠂ ᠡᠬᠢ ᠪᠠᠶᠠᠯᠢᠭ ᠤᠨ ᠲᠠᠪᠠᠭᠤᠯᠢᠭ ᠢ ᠠᠵᠣ ᠠᠬᠤᠢ ᠶᠢᠨ ᠲᠠᠪᠠᠭᠤᠯᠢᠭ ᠪᠣᠯᠭᠠᠬᠤ ᠶᠢ ᠠᠬᠢᠭᠤᠯᠣᠨ᠎ᠠ᠃ ᠱᠢ ᠳ᠋ᠠ ᠪᠤᠬᠢᠷᠳᠤᠯ ᠦᠬᠡᠢ ᠡᠨᠧᠷᠬᠢ ᠶᠢᠨ 2×20 | ᠲᠦᠮᠡᠨ ᠳᠤᠨ LNG ᠶᠢᠨ ᠨᠢᠬᠡᠳᠣᠬᠡᠷ ᠬᠤᠭᠤᠴᠠᠭ᠎ᠠ᠂ ᠰᠧᠨ ᠲᠠᠢ ᠶᠢᠨ 2×20 ᠲᠦᠮᠡᠨ ᠳᠤᠨ ᠤ LNG ᠶᠢᠨ ᠨᠢᠬᠡᠳᠤᠬᠡᠷ ᠬᠤᠭᠤᠴᠠᠭ᠎ᠠ᠂ ᠨᠡᠭᠦᠷᠡᠰᠤ | ᠬᠡᠤᠷᠰᠢᠬᠦᠯᠬᠦ ᠤᠯᠠᠨ ᠬᠤᠯᠪᠤᠭᠠᠲᠤ ᠥᠢᠯᠡᠳᠪᠤᠷᠢᠯᠡᠯ ᠤᠨ ᠬᠤᠶᠠᠳᠤᠭᠠᠷ ᠬᠤᠭᠤᠴᠠᠭ᠎ᠠ᠂ ᠬᠠᠭᠤᠷᠠᠢ ᠪᠠᠷ ᠬᠦᠷᠦᠭᠡᠬᠦ ᠬᠡᠤᠷᠰᠤᠨ ᠢᠯᠴᠢ ᠪᠠᠷ ᠴᠠᠬᠢᠯᠭᠠᠨ ᠭᠠᠷᠭᠠᠬᠤ᠂ | ᠨᠡᠬᠦᠷᠡᠰᠤᠨ ᠬᠡᠢ ᠪᠠᠷ ᠮᠧᠲ᠋ᠠᠨ ᠤᠶᠢᠯᠡᠤᠨᠪᠤᠷᠢᠯᠡᠬᠦ ᠵᠡᠷᠬᠡ ᠲᠦᠷᠤᠯ ᠵᠦᠢᠯ ᠢ ᠴᠢᠷᠮᠠᠶᠢᠨ ᠪᠠᠶᠢᠭᠤᠯᠤᠨ ᠬᠡᠷᠡᠭᠯᠡᠯᠳᠠ ᠳᠤ ᠤᠷᠤᠭᠤᠯᠵᠤ᠂ ᠵᠢᠤ ᠲᠠᠢ ᠶᠢᠨ ᠨᠢᠬᠡ | ᠴᠤᠭᠴᠠᠵᠢᠭᠰᠡᠨ ᠨᠡᠬᠦᠷᠡᠰᠤ ᠬᠢᠮᠢ ᠶᠢᠨ ᠥᠢᠯᠡᠳᠪᠥᠷᠢᠯᠡᠯ᠂ ᠬᠤᠸᠠ ᠰᠢᠩ ᠤᠨ 40 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠤᠨ ᠨᠡᠬᠦᠷᠡᠰᠤ ᠪᠠᠷ ᠰᠢᠳᠠᠮᠠᠬᠠᠢ | ᠬᠡᠢ ᠥᠢᠯᠡᠳᠭᠦ ᠵᠡᠷᠬᠡ ᠲᠦᠷᠤᠯ ᠵᠦᠢᠯ ᠢ ᠡᠬᠢᠯᠡᠨ ᠪᠠᠶᠢᠭᠤᠯᠵᠤ᠂ ᠪᠠᠯᠠᠩ ᠨᠡᠬᠦᠷᠡᠰᠤᠨ ᠠᠭᠤᠷᠬᠠᠢ᠂ ᠠᠷᠤ ᠬᠠᠷᠴᠠᠭᠠᠢ ᠱᠧᠨ ᠬᠤᠸᠠ ᠶᠢᠨ ᠤᠯᠤᠰ ᠤᠨ | ᠡᠨᠧᠷᠬᠢ᠂ ᠤᠯᠤᠰ ᠤᠨ ᠴᠠᠬᠢᠯᠭᠠᠨ ᠤ ᠱᠤᠸᠠᠩ ᠸᠧᠢ᠂ ᠪᠸᠢ ᠹᠠᠩ ᠤᠨ ᠴᠠᠬᠢᠯᠭᠠᠨ ᠡᠨᠧᠷᠬᠢ ᠶᠢᠨ ᠭᠤᠷᠪᠠᠨ ᠠᠩᠬᠢ 2×100 ᠲᠦᠮᠡᠨ ᠺᠢᠯᠤᠸᠠᠲ ᠤᠨ | ᠨᠡᠭᠦᠷᠡᠰᠥᠨ ᠴᠠᠬᠢᠯᠭᠠᠨ᠂ ᠱᠧᠩ ᠯᠤ᠋ ᠶᠢᠨ ᠡᠨᠧᠷᠬᠢ ᠬᠢᠮᠢ ᠶᠢᠨ 4×100 ᠲᠦᠮᠡᠨ ᠺᠢᠯᠤᠸᠠᠲ ᠤᠨ ᠴᠠᠬᠢᠯᠭᠠᠨ ᠤᠶᠢᠯᠡᠤᠨᠪᠤᠷᠢ ᠵᠡᠷᠬᠡ ᠲᠦᠷᠤᠯ ᠵᠦᠢᠯ ᠤᠨ | ᠵᠦᠪᠰᠢᠶᠡᠷᠡᠯ ᠤᠨ ᠠᠬᠢᠴᠠ ᠶᠢ ᠲᠥᠷᠭᠡᠳᠬᠡᠵᠤ᠂ ᠺᠧ ᠰᠧ ᠶᠢᠨ LNG᠂ ᠲᠢᠶᠠᠨ ᠯᠢ ᠹᠧᠩ ᠤᠨ LNG ᠵᠡᠷᠬᠡ ᠲᠦᠷᠤᠯ ᠵᠦᠢᠯ ᠤᠨ ᠪᠠᠷᠢᠯᠭ᠎ᠠ ᠡᠬᠢᠯᠡᠭᠦᠯᠭᠦ | ᠨᠦᠬᠦᠴᠡᠯ ᠢ ᠴᠢᠷᠮᠠᠶᠢᠨ ᠪᠥᠷᠢᠯᠳᠥᠭᠦᠯᠵᠥ᠂ ᠴᠠᠬᠢᠯᠭᠠᠨ ᠤᠶᠢᠯᠡᠤᠨᠪᠤᠷᠢ ᠶᠢᠨ ᠤᠷᠤᠨᠵᠢᠭᠤᠯᠤᠯᠳᠠ ᠶᠢᠨ ᠬᠡᠪᠴᠢᠶ᠎ᠠ ᠶᠢ 400 ᠲᠦᠮᠡᠨ ᠺᠢᠯᠤᠸᠠᠲ᠂ ᠨᠡᠬᠦᠷᠡᠰᠤᠨ | ᠭᠠᠷᠤᠯᠳᠠ ᠶᠢ 2000 ᠲᠦᠮᠡᠨ ᠳᠤᠨ ᠳᠠᠪᠠᠭᠤᠯᠵᠤ᠂ ᠰᠢᠳᠠᠮᠠᠬᠠᠢ ᠬᠡᠢ ᠶᠢᠨ ᠭᠠᠷᠤᠯᠳᠠ ᠶᠢ 55 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠬᠡᠨ᠎ᠠ᠃ | ︵ᠬᠤᠶᠠᠷ︶ ᠪᠦᠳᠤᠮᠵᠢ ᠶᠢ ᠲᠤᠪᠤᠶᠢᠯᠭᠠᠨ᠂ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠠᠬᠢᠭᠤᠯᠤᠨ᠎ᠠ᠃ ︽ᠪᠠᠶᠢᠭᠤᠯᠵᠤ ᠬᠠᠮᠢᠶᠠᠷᠬᠤ ᠶᠢ | ᠬᠠᠮᠲᠤ ᠴᠢᠬᠤᠯᠠᠴᠢᠯᠠᠵᠤ᠂ ᠤᠨᠴᠠᠯᠢᠭ ᠢ ᠨᠢ ᠲᠤᠪᠤᠶᠢᠯᠭᠠᠬᠤ︾ ᠶᠢ ᠪᠠᠷᠢᠮᠳᠠᠯᠠᠵᠤ᠂ ᠬᠦᠷᠢᠶᠡᠯᠡᠩ ᠳᠤᠭᠤᠷᠢᠭ᠂ ᠬᠤᠳᠠ ᠪᠠᠯᠭᠠᠰᠤ ᠶᠢᠨ ᠨᠢᠬᠡ ᠴᠤᠭᠴᠠᠵᠢᠭᠰᠡᠨ | ᠬᠦᠭᠵᠢᠯᠳᠠ ᠶᠢ ᠠᠬᠢᠭᠤᠯᠵᠤ᠂ ᠠᠮᠢᠳᠤᠷᠠᠯ ᠤᠨ ᠤᠶᠢᠯᠡᠴᠢᠯᠡᠬᠡᠨ ᠤ ᠲᠦᠬᠦᠬᠡᠷᠤᠮᠵᠢ ᠶᠢᠨ ᠪᠠᠶᠢᠭᠤᠯᠤᠯᠳᠠ ᠶᠢ ᠳᠡᠬᠦᠯᠳᠡᠷᠵᠢᠬᠦᠯᠵᠤ᠂ ᠬᠤᠳᠠ ᠪᠠᠯᠭᠠᠰᠤ᠂ | ᠬᠦᠷᠢᠶᠡᠯᠠᠩ ᠳᠤᠭᠤᠷᠢᠭ ᠤᠨ ᠬᠦᠭᠵᠢᠯᠳᠠ ᠶᠢᠨ ᠲᠦᠪᠰᠢᠨ ᠢ ᠤᠯᠠᠮ ᠳᠡᠬᠡᠭᠰᠢᠯᠡᠬᠦᠯᠤᠨ᠎ᠠ᠃ ᠤᠯᠵᠠᠴᠢ ᠶᠢᠨ ᠵᠡᠬᠦᠨ ᠭᠠᠷᠬᠤ ᠵᠠᠮ᠂ ᠡᠮᠤᠨ᠎ᠠ ᠭᠠᠷᠬᠤ ᠵᠠᠮ ᠪᠠ | ᠬᠤᠳᠠ ᠪᠠᠯᠭᠠᠰᠤᠨ ᠤ ᠨᠤᠭᠤᠭᠠᠵᠢᠭᠤᠯᠤᠯᠳᠠ ᠶᠢ ᠢᠳᠡᠪᠬᠢᠲᠡᠢ ᠠᠬᠢᠭᠤᠯᠵᠤ᠂ ᠤᠷᠤᠰᠢᠨ ᠰᠠᠭᠤᠬᠤ ᠤᠷᠴᠢᠨ ᠢ ᠰᠢᠯᠢᠳᠡᠭᠵᠢᠬᠦᠯᠤᠨ᠎ᠠ᠃ ᠱᠠᠩᠬᠠᠢ ᠶᠢᠨ | ᠰᠥᠮ᠎ᠠ ᠪᠠᠯᠭᠠᠰᠤᠨ ᠤ ᠭᠤᠤᠯᠳᠠᠯᠭᠠᠲᠤ ᠬᠤᠳᠠᠯᠳᠤᠭᠠᠨ ᠤ ᠲᠤᠭᠤᠷᠢᠭ᠂ ᠠᠵᠤ ᠠᠬᠤᠶᠢᠯᠠᠯ ᠤᠨ ᠤᠷᠤᠨ ᠰᠠᠭᠤᠴᠠ ᠶᠢᠨ ᠲᠤᠭᠤᠷᠢᠭ᠂ ᠪᠤᠵᠠᠷ ᠤᠰᠤ | ᠰᠢᠢᠳᠪᠤᠷᠢᠯᠡᠬᠦ ᠥᠢᠯᠡᠳᠪᠤᠷᠢ᠂ ᠠᠮᠢᠳᠤᠷᠠᠯ ᠤᠨ ᠬᠤᠭ ᠨᠤᠪᠰᠢ ᠶᠢ ᠬᠦᠨᠥᠭᠡᠯ ᠥᠬᠡᠢ ᠰᠢᠢᠳᠪᠤᠷᠢᠯᠡᠬᠦ ᠵᠡᠷᠬᠡ ᠲᠦᠷᠤᠯ ᠵᠦᠢᠯ ᠤᠨ ᠪᠠᠶᠢᠭᠤᠯᠤᠯᠳᠠ ᠶᠢ ᠠᠬᠢᠭᠤᠯᠵᠤ᠂ | ᠠᠭᠤᠷᠬᠠᠢ ᠶᠢᠨ ᠤᠷᠤᠨ ᠤ ᠨᠤᠭᠤᠭᠠᠵᠢᠭᠤᠯᠤᠯᠳᠠ ᠵᠢᠴᠢ ᠬᠤᠳᠠ ᠪᠠᠯᠭᠠᠰᠤᠨ ᠤ ᠬᠡᠷᠡᠯᠳᠤᠬᠦᠯᠬᠡ ᠵᠡᠷᠬᠡ ᠢᠨᠵᠧᠨᠧᠷᠢᠩ ᠢ ᠬᠡᠷᠡᠭᠵᠢᠬᠦᠯᠵᠤ᠂ ᠬᠤᠳᠠ ᠪᠠᠯᠭᠠᠰᠤᠨ ᠤ | ᠴᠢᠳᠠᠪᠬᠢ ᠶᠢ ᠳᠡᠬᠦᠯᠳᠡᠷᠵᠢᠬᠦᠯᠤᠨ᠎ᠠ᠃ ᠨᠠᠩᠰᠤ ᠪᠠᠯᠭᠠᠰᠤ ᠪᠠ ᠪᠤᠷᠤᠪᠠᠯᠭᠠᠰᠤ ᠨᠢ ᠬᠦᠭᠵᠢᠯᠳᠠ ᠶᠢᠨ ᠳᠠᠪᠠᠭᠤᠯᠢᠭ ᠲᠤ ᠪᠠᠨ ᠲᠦᠰᠢᠭᠯᠡᠨ᠂ ᠪᠠᠶᠢᠭᠤᠯᠵᠤ ᠪᠠᠶᠢᠭ᠎ᠠ | ᠪᠠᠷᠢᠯᠭ᠎ᠠ ᠶᠢᠨ ᠠᠬᠢᠴᠠ ᠶᠢ ᠲᠦᠷᠬᠡᠤᠨᠬᠡᠨ᠎ᠠ︔ ᠰᠢᠨ᠎ᠠ ᠮᠠᠶ᠋ᠢᠭ ᠤᠨ ᠠᠶᠢᠯ ᠳᠤᠰᠬᠤᠨ ᠤ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠵᠤ᠂ ᠨᠤᠭᠤᠭᠠᠵᠢᠭᠤᠯᠤᠯᠳᠠ᠂ | ᠤᠰᠤ᠂ ᠴᠠᠬᠢᠯᠭᠠᠨ᠂ ᠳᠤᠯᠠᠭᠠᠯᠠᠮᠵᠢ ᠵᠡᠷᠬᠡ ᠲᠦᠬᠦᠷᠴᠢᠯᠡᠭᠰᠡᠨ ᠲᠦᠬᠦᠬᠡᠷᠤᠮᠵᠢ ᠶᠢ ᠳᠡᠬᠦᠯᠳᠡᠷᠵᠢᠬᠦᠯᠵᠤ᠂ ᠤᠶᠢᠯᠡᠴᠢᠯᠡᠬᠡᠨ ᠤ ᠴᠢᠳᠠᠪᠤᠷᠢ ᠶᠢ ᠳᠡᠬᠡᠭᠰᠢᠯᠡᠬᠦᠯᠤᠨ᠎ᠠ᠃ | ᠭᠠᠴᠠᠭ᠎ᠠ ᠳᠤᠰᠬᠤᠨ ᠴᠡᠭᠴᠡᠵᠢᠭᠦᠯᠭᠦ᠂ ᠬᠦᠮᠤᠨ ᠠᠮᠠ ᠶᠢ ᠰᠢᠯᠵᠢᠭᠦᠯᠭᠦ ᠵᠡᠷᠬᠡ ᠠᠵᠢᠯ ᠢ ᠡᠮᠬᠢᠳᠠᠢ ᠠᠬᠢᠭᠤᠯᠵᠤ᠂ ᠬᠤᠳᠠ ᠭᠥᠳᠡᠭᠡ ᠶᠢᠨ ᠡᠬᠢ ᠪᠠᠶᠠᠯᠢᠭ ᠢ | ᠰᠢᠯᠢᠳᠡᠭᠵᠢᠭᠦᠯᠥᠨ ᠲᠤᠬᠢᠷᠠᠭᠤᠯᠤᠨ᠎ᠠ᠃ ᠤᠰᠤ ᠡᠯᠪᠡᠭ ᠤᠷᠤᠨ᠂ ᠮᠠᠯᠵᠢᠬᠤ ᠤᠷᠤᠨ᠂ ᠰᠢᠨ᠎ᠠ ᠮᠠᠶ᠋ᠢᠭ ᠤᠨ ᠠᠶᠢᠯ ᠳᠤᠰᠬᠤᠨ ᠵᠡᠷᠬᠡ ᠭᠠᠵᠠᠷ ᠤᠷᠤᠨ ᠤ ᠠᠵᠤ | ᠤᠶᠢᠯᠡᠰ ᠤᠨ ᠳᠤᠯᠭᠠᠭᠤᠷᠢᠯᠠᠯ ᠬᠦᠴᠤᠨ ᠢ ᠴᠢᠩᠭᠠᠤᠨᠬᠠᠵᠤ᠂ ᠨᠡᠷᠡᠳᠤ ᠳᠡᠮᠳᠡᠭᠵᠢᠭᠰᠡᠨ᠂ ᠬᠡᠪᠴᠢᠶᠡᠵᠢᠭᠰᠡᠨ ᠮᠠᠯ ᠳᠠᠷᠢᠶᠠᠯᠠᠩ ᠢ ᠭᠥᠴᠥᠷᠭᠡᠭᠵᠢᠭᠦᠯᠵᠥ᠂ ᠤᠨᠴᠠᠯᠢᠭᠳᠤ | ᠳᠠᠷᠢᠵᠤ ᠳᠡᠵᠢᠬᠡᠬᠦ ᠤᠶᠢᠯᠡᠰ ᠢ ᠰᠠᠶᠢᠳᠤᠷ ᠬᠢᠵᠤ᠂ ᠮᠠᠯ ᠳᠠᠷᠢᠶᠠᠯᠠᠩ ᠤᠨ ᠤᠶᠢᠯᠡᠰ ᠤᠨ ᠤᠳᠤᠬᠢᠴᠢᠯᠠᠭᠰᠡᠨ ᠤᠶᠢᠯᠡᠤᠨᠪᠤᠷᠢᠯᠡᠯ ᠤᠨ ᠲᠦᠬᠦᠬᠡᠷᠤᠮᠵᠢ ᠶᠢᠨ ᠲᠦᠪᠰᠢᠨ | ᠢ ᠳᠡᠬᠡᠭᠰᠢᠯᠡᠬᠦᠯᠵᠤ᠂ ᠰᠢᠨᠵᠢᠯᠡᠭᠡ ᠮᠡᠷᠭᠡᠵᠢᠯ᠂ ᠳᠤᠰᠬᠠᠢ ᠬᠠᠮᠳᠤᠷᠠᠯ ᠵᠤᠬᠢᠶᠠᠨ ᠪᠠᠶᠢᠭᠤᠯᠤᠯᠳᠠ ᠵᠡᠷᠬᠡ ᠤᠶᠢᠯᠡᠤᠨᠪᠤᠷᠢᠯᠡᠬᠦ ᠬᠠᠩᠭᠠᠬᠤ ᠪᠤᠷᠤᠯᠠᠭᠤᠯᠬᠤ ᠡᠯ᠎ᠡ | ᠭᠤᠭᠴᠤᠭᠠᠨ ᠤ ᠤᠶᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠤᠨᠬᠠᠵᠤ᠂ ᠮᠠᠯ ᠳᠠᠷᠢᠶᠠᠯᠠᠩ ᠤᠨ ᠬᠦᠭᠵᠢᠯᠳᠠ ᠶᠢᠨ ᠥᠷ᠎ᠡ ᠠᠰᠢᠭ ᠢ | ᠳᠡᠬᠡᠭᠰᠢᠯᠡᠬᠦᠯᠤᠨ᠎ᠠ᠃ 2 ᠲᠦᠮᠡᠨ ᠮᠤ᠋ ᠶᠢᠨ ᠤᠳᠤ ᠦᠶ᠎ᠡ ᠶᠢᠨ ᠳᠠᠷᠢᠶᠠᠯᠠᠩ ᠤᠨ ᠰᠠᠭᠤᠷᠢᠨ ᠭᠠᠵᠠᠷ ᠢ ᠰᠢᠨ᠎ᠠ ᠪᠠᠷ ᠪᠠᠶᠢᠭᠤᠯᠵᠤ᠂ 2000 ᠳᠤᠯᠤᠭᠠᠢ ᠠᠴᠠ | ᠲᠡᠭᠡᠭᠰᠢ ᠠᠯᠠᠰᠢᠨ ᠮᠠᠯ ᠳᠡᠵᠢᠬᠡᠨ ᠦᠷᠡᠵᠢᠬᠦᠯᠬᠦ ᠬᠡᠪᠴᠢᠶᠡᠵᠢᠯ ᠬᠦᠷᠢᠶᠡᠯᠠᠩ ᠢ 3 ᠪᠠᠶᠢᠭᠤᠯᠵᠤ ᠂ 800 ᠳᠤᠯᠤᠭᠠᠢ ᠠᠴᠠ ᠲᠡᠭᠡᠭᠰᠢ ᠠᠯᠠᠰᠢᠨ ᠮᠠᠯ ᠳᠡᠵᠢᠬᠡᠨ | ᠦᠷᠡᠵᠢᠬᠦᠯᠬᠦ ᠶᠡᠭᠡ ᠡᠷᠤᠬᠡ ᠶᠢ 120 ᠭᠥᠭᠵᠢᠭᠦᠯᠥᠨ᠎ᠡ᠃ | ︵ᠭᠤᠷᠪᠠ︶ ᠠᠮᠢᠳᠤᠯᠢᠭ ᠬᠦᠴᠤᠨ ᠢ ᠬᠦᠭᠵᠢᠬᠡᠵᠤ᠂ ᠭᠤᠷᠪᠠᠳᠤᠭᠠᠷ ᠠᠵᠤ ᠤᠶᠢᠯᠡᠰ ᠤᠨ ᠲᠦᠪᠰᠢᠨ ᠢ ᠳᠡᠬᠡᠭᠰᠢᠯᠡᠬᠦᠯᠤᠨ᠎ᠠ᠃ ᠤᠷᠳᠤᠰ ᠤᠨ ᠦᠵᠡᠮᠵᠢ | ᠶᠢᠨ ᠵᠠᠮ ᠱᠤᠭᠤᠮ ᠤᠨ ᠪᠠᠶᠢᠭᠤᠯᠤᠯᠳᠠ ᠶᠢ ᠲᠦᠷᠬᠡᠤᠨᠬᠡᠵᠤ᠂ ᠶᠡᠭᠡ ᠳᠤᠯᠤᠨ᠂ ᠱᠠᠩᠬᠠᠢ ᠶᠢᠨ ᠰᠦᠮ᠎ᠠ ᠶᠢᠨ ᠨᠠᠷᠬᠢᠶᠠᠨᠳᠤ ᠳᠠᠯ᠎ᠠ ᠨᠤᠳᠤᠭ ᠵᠡᠷᠬᠡ ᠦᠵᠡᠮᠵᠢ ᠶᠢᠨ | ᠤᠷᠤᠨ ᠤ ᠲᠦᠬᠦᠷᠴᠢᠯᠡᠭᠰᠡᠨ ᠰᠠᠭᠤᠷᠢ ᠲᠦᠬᠦᠬᠡᠷᠤᠮᠵᠢ ᠶᠢ ᠳᠡᠬᠦᠯᠳᠡᠷᠵᠢᠬᠦᠯᠵᠤ᠂ ᠤᠷᠳᠤᠰ ᠤᠨ ᠰᠤᠶᠤᠯ ᠵᠢᠭᠤᠯᠴᠢᠯᠠᠯ ᠤᠨ ᠳᠤᠰᠬᠤᠨ᠂ ᠶᠡᠭᠡ ᠬᠠᠭᠠᠨ ᠤ ᠶᠠᠪᠤᠭᠤᠯ | ᠤᠷᠳᠤᠨ ᠵᠡᠷᠬᠡ ᠦᠵᠡᠮᠵᠢ ᠶᠢᠨ ᠤᠷᠤᠨ ᠤ ᠭᠥᠯᠢᠶᠡᠨ ᠵᠤᠴᠢᠯᠠᠬᠤ ᠴᠢᠳᠠᠪᠤᠷᠢ ᠶᠢ ᠳᠡᠬᠡᠭᠰᠢᠯᠡᠬᠦᠯᠵᠤ᠂ ᠱᠠᠩᠬᠠᠢ ᠶᠢᠨ ᠰᠦᠮ᠎ᠠ ᠶᠢᠨ ᠵᠢᠭᠤᠯᠴᠢᠯᠠᠯ ᠤᠨ ᠬᠠᠮ ᠴᠤᠭᠴᠠ | ᠶᠢ ᠢᠷᠭᠠᠢ ᠶᠢᠨ ᠪᠢᠨ ᠾᠧ ᠰᠢᠨ᠎ᠠ ᠳᠤᠭᠤᠷᠢᠭ ᠤᠨ ︽ᠪᠦᠬᠦ ᠴᠠᠷᠭ᠎ᠠ ᠶᠢᠨ 5A ᠳᠡᠰ ᠤᠨ ᠦᠵᠡᠮᠵᠢ ᠶᠢᠨ ᠤᠷᠤᠨ︾ ᠲᠠᠢ ᠠᠭᠤᠰᠬᠠᠵᠤ᠂ ᠨᠢᠩᠰᠢᠶᠠ ᠵᠡᠷᠬᠡ | ᠪᠠᠷᠠᠭᠤᠨ ᠤᠷᠤᠨ ᠤ ᠮᠤᠵᠢ ᠤᠷᠤᠨ ᠤ ᠰᠤᠶᠤᠯ ᠵᠢᠭᠤᠯᠴᠢᠯᠠᠯ ᠤᠨ ᠤᠶᠢᠯᠡᠰ ᠲᠠᠢ ᠬᠠᠷᠢᠯᠴᠠᠨ ᠠᠭᠤᠰᠤᠯᠴᠠᠵᠤ᠂ ᠵᠢᠭᠤᠯᠴᠢᠯᠠᠯ ᠤᠨ ᠬᠦᠭᠵᠢᠯᠳᠠ ᠶᠢᠨ ᠶᠡᠭᠡ | ᠪᠦᠳᠤᠴᠠ ᠶᠢ ᠪᠤᠢ ᠪᠤᠯᠭᠠᠨ᠎ᠠ᠃ ᠰᠤᠶᠤᠯ ᠤᠷᠠᠯᠢᠭ ᠤᠨ ᠳᠤᠭᠯᠠᠯᠳᠠ ᠶᠢᠨ ᠤᠶᠢᠯᠡᠰ ᠢ ᠬᠦᠭᠵᠢᠬᠦᠯᠵᠤ᠂ ᠨᠢᠬᠡ ᠪᠦᠯᠦᠭ ᠰᠤᠶᠤᠯ ᠵᠢᠭᠤᠯᠴᠢᠯᠠᠯ ᠤᠨ ᠰᠤᠳᠤᠨ | ᠪᠦᠳᠤᠬᠡᠯ ᠢ ᠲᠦᠪᠯᠡᠷᠡᠩᠬᠦᠢ ᠪᠥᠳᠥᠭᠡᠵᠥ᠂ ᠳᠠᠬᠢᠯᠭ᠎ᠠ ᠶᠢᠨ ᠰᠤᠶᠤᠯ᠂ ᠬᠤᠷᠢᠮ ᠤᠨ ᠰᠤᠶᠤᠯ᠂ ᠠᠳᠤᠭᠤᠨ ᠰᠤᠶᠤᠯ ᠢᠶᠠᠷ ᠤᠨᠴᠠᠯᠢᠭ ᠪᠤᠯᠭᠠᠭᠰᠡᠨ ᠵᠢᠭᠤᠯᠴᠢᠯᠠᠯ ᠤᠨ | ᠰᠤᠶᠤᠯ ᠤᠨ ᠨᠡᠷᠡᠳᠤ ᠳᠡᠮᠳᠡᠭ ᠶᠢ ᠲᠦᠰᠤᠪᠯᠡᠨ ᠡᠭᠦᠳᠴᠤ᠂ ᠰᠤᠶᠤᠯ ᠵᠢᠭᠤᠯᠴᠢᠯᠠᠯ ᠤᠨ ᠤᠶᠢᠯᠡᠰ ᠤᠨ ᠬᠦᠭᠵᠢᠯᠳᠠ ᠶᠢᠨ ᠲᠡᠰ ᠲᠦᠪᠰᠢᠨ ᠢ ᠳᠡᠬᠡᠭᠰᠢᠯᠡᠬᠦᠯᠤᠨ᠎ᠠ᠃ | ᠰᠤᠶᠤᠯ ᠤᠨ ᠠᠵᠤ ᠤᠶᠢᠯᠡᠰ ᠤᠨ ᠬᠦᠷᠢᠶᠡᠯᠡᠩ ᠢ ᠠᠰᠢᠭᠯᠠᠯᠳᠠ ᠳᠤ ᠤᠷᠤᠭᠤᠯᠵᠤ᠂ ᠦᠷᠢᠰᠤᠯᠳᠤᠬᠦ ᠬᠦᠴᠤᠨ ᠴᠢᠩᠭ᠎ᠠ᠂ ᠪᠤᠳᠠᠳᠤ ᠬᠦᠴᠤᠨ ᠲᠠᠢ ᠠᠵᠤ | ᠠᠬᠤᠶᠢᠯᠠᠯ ᠢ ᠤᠷᠢᠨ ᠨᠡᠭᠡᠭᠡᠯᠳᠡ ᠬᠢᠯᠭᠡᠵᠥ᠂ ᠦᠨᠳᠤᠰᠤᠳᠠᠨ ᠤ ᠭᠠᠷ ᠤᠷᠠᠯᠠᠯ ᠤᠨ ᠪᠦᠳᠤᠬᠡᠭᠳᠡᠬᠦᠨ ᠢᠶᠠᠷ ᠭᠤᠤᠯ ᠪᠤᠯᠭᠠᠭᠰᠡᠨ ᠦᠨᠳᠤᠰᠤᠳᠠᠨ ᠤ ᠤᠨᠴᠠᠯᠢᠭᠳᠤ | ᠠᠵᠤ ᠤᠶᠢᠯᠡᠰ ᠤᠨ ᠬᠦᠭᠵᠢᠯᠳᠠ ᠶᠢ ᠠᠬᠢᠭᠤᠯᠵᠤ᠂ ᠤᠶᠢᠯᠡᠰ ᠪᠥᠳᠥᠭᠡᠯᠭᠡᠨ ᠠᠵᠢᠯ ᠤᠯᠭᠤᠬᠤ ᠶᠢ ᠳᠡᠮᠵᠢᠬᠦ ᠴᠢᠳᠠᠪᠤᠷᠢ ᠶᠢ ᠳᠡᠬᠡᠭᠰᠢᠯᠡᠬᠦᠯᠤᠨ᠎ᠠ᠃ ᠮᠦᠩᠬᠦᠨ | ᠬᠦᠢᠯᠬᠡᠬᠡ᠂ ᠪᠤᠳᠠᠰ ᠤᠨ ᠬᠦᠢᠯᠭᠡᠭᠡ᠂ ᠭᠡᠷ ᠤᠨ ᠶᠠᠪᠤᠳᠠᠯ ᠤᠨ ᠤᠶᠢᠯᠡᠴᠢᠯᠡᠭᠡ᠂ ᠡᠷᠡᠬᠦᠯ ᠨᠠᠰᠤᠵᠢᠯ ᠵᠡᠷᠬᠡ ᠤᠶᠢᠯᠡᠰ ᠢ ᠶᠡᠬᠡᠪᠡᠷ ᠬᠦᠭᠵᠢᠬᠦᠯᠵᠤ᠂ ᠬᠡᠷᠡᠭᠯᠡᠬᠡᠨ ᠤ | ᠤᠷᠴᠢᠨ ᠢ ᠰᠢᠯᠢᠳᠡᠭᠵᠢᠬᠦᠯᠤᠨ᠂ ᠤᠶᠢᠯᠡᠴᠢᠯᠡᠬᠡᠨ ᠤ ᠤᠶᠢᠯᠡᠰ ᠤᠨ ᠬᠦᠭᠵᠢᠯᠳᠠ ᠶᠢᠨ ᠴᠢᠨᠠᠷ ᠪᠠ ᠲᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ | ︵ᠲᠦᠷᠪᠠ︶ ᠲᠤᠯᠭᠠᠭᠤᠷᠢᠯᠠᠯ ᠢ ᠴᠢᠩᠭᠠᠳᠬᠠᠵᠤ᠂ ᠭᠥᠭᠵᠢᠯᠳᠡ ᠶᠢᠨ ᠰᠠᠭᠤᠷᠢ ᠶᠢ ᠪᠠᠬᠢᠵᠢᠬᠦᠯᠤᠨ᠎ᠠ᠃ ᠪᠡᠯᠴᠢᠬᠡᠷᠯᠡᠬᠦ ᠶᠢ ᠬᠤᠷᠢᠭᠯᠠᠬᠤ᠂ ᠰᠡᠯᠬᠦᠨ | ᠮᠠᠯᠵᠢᠬᠤ᠂ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠤᠯᠤᠭᠠᠢ ᠲᠤᠭᠳᠠᠭᠠᠬᠤ ᠵᠡᠷᠬᠡ ᠲᠥᠷᠥ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠪᠡᠭᠡᠵᠢᠩ | ᠲᠢᠶᠠᠨᠵᠢᠨ ᠤ ᠰᠠᠯᠬᠢ ᠰᠢᠷᠥᠢ ᠶᠢᠨ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ᠂ ᠬᠦᠷᠤᠰᠤ ᠰᠢᠷᠤᠢ ᠶᠢ ᠬᠠᠮᠠᠭᠠᠯᠠᠬᠤ ᠵᠡᠷᠭᠡ ᠠᠮᠢ ᠠᠬᠤᠢ ᠶᠢᠨ ᠪᠥᠲᠥᠭᠡᠨ | ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠠᠮᠢ ᠠᠬᠤᠢ ᠶᠢᠨ ᠪᠠᠶᠢᠭᠤᠯᠤᠯᠳᠠ ᠶᠢᠨ ᠪᠦᠳᠤᠮᠵᠢ ᠶᠢ ᠤᠯᠠᠮ ᠨᠢᠬᠡ ᠠᠯᠬᠤᠮ ᠪᠠᠳᠤᠤᠨᠬᠠᠨᠠ᠃ ᠶᠡᠭᠡ | ᠲᠤᠬᠤᠢ᠂ ᠬᠡᠷᠡᠮ ᠤᠨ ᠭᠤᠤᠯ ᠤᠨ ᠴᠦᠬᠦᠷᠤᠮ ᠤᠨ ᠲᠥᠯᠥᠪᠵᠢᠬᠦᠯᠭᠡ ᠵᠢᠴᠢ ᠱᠠᠩᠬᠠᠢ ᠶᠢᠨ ᠰᠥᠮ᠎ᠠ ᠶᠢᠨ ᠬᠦᠷᠢᠶᠡᠯᠡᠩ ᠲᠤᠭᠤᠷᠢᠭ ᠤᠨ ᠨᠡᠬᠦᠷᠡᠰᠤᠨ ᠴᠢᠯᠠᠭᠤ᠂ | ᠲᠤᠭᠤᠰᠤ ᠲᠤᠷᠳᠤᠭ᠂ ᠨᠡᠭᠦᠷᠡᠰᠥᠨ ᠲᠠᠪᠬᠤᠷᠭ᠎ᠠ ᠶᠢᠨ ᠤᠰᠤ᠂ ᠪᠤᠵᠠᠷ ᠤᠰᠤ ᠰᠢᠢᠳᠪᠥᠷᠢᠯᠡᠭᠦ ᠲᠥᠯᠥᠪᠵᠢᠬᠦᠯᠭᠡ ᠶᠢ ᠨᠠᠶᠢᠷᠠᠭᠤᠯᠤᠨ᠂ ᠤᠰᠤ ᠬᠡᠷᠡᠭᠯᠡᠬᠦ᠂ ᠤᠷᠴᠢᠨ | ᠳᠤᠭᠤᠷᠢᠨ᠂ ᠡᠨᠧᠷᠬᠢ ᠠᠷᠪᠢᠯᠠᠬᠤ ᠵᠡᠷᠬᠡ ᠶᠢ ᠰᠢᠨᠵᠢᠯᠡᠬᠦ ᠤᠬᠠᠭᠠᠨᠴᠢ ᠪᠠᠷ ᠲᠦᠯᠤᠪᠯᠡᠵᠤ᠂ ᠰᠠᠭᠤᠷᠢᠨ ᠭᠠᠵᠠᠷ ᠤᠨ ᠪᠠᠶᠢᠭᠤᠯᠤᠯᠳᠠ ᠳᠤ ᠨᠦᠬᠦᠴᠡᠯ ᠬᠠᠩᠭᠠᠨ᠎ᠠ᠃ | ᠬᠤᠩ ᠴᠢ 220 ᠺᠢᠯᠤᠸᠤᠯᠲ ᠤᠨ ᠪᠠᠭᠳᠠᠭᠠᠮᠵᠢ ᠨᠡᠮᠡᠭᠳᠡᠬᠦᠯᠬᠦ ᠢᠨᠵᠧᠨᠧᠷᠢᠩ ᠢ ᠪᠠᠶᠢᠭᠤᠯᠤᠨ᠎ᠠ︔ ᠬᠡᠷᠡᠮ ᠤᠨ ᠭᠤᠤᠯ ᠤᠨ 110 ᠺᠢᠯᠤᠸᠤᠯᠲ ᠤᠨ ᠴᠠᠬᠢᠯᠭᠠᠨ | ᠬᠤᠪᠢᠰᠬᠠᠬᠤ ᠦᠷᠳᠡᠭᠡ ᠪᠠ 75 ᠺᠢᠯᠤᠮᠧᠲᠷ ᠤᠨ 110 ᠺᠢᠯᠤᠸᠤᠯᠲ ᠤᠨ ᠴᠠᠬᠢᠯᠭᠠᠨ ᠬᠤᠪᠢᠰᠬᠠᠨ ᠳᠠᠮᠵᠢᠭᠤᠯᠬᠤ ᠱᠤᠭᠤᠮ᠂ 16 ᠺᠢᠯᠤᠮᠧᠲᠷ ᠤᠨ ᠤᠯᠵᠠᠴᠢ | ᠶᠢᠨ ᠶᠡᠷᠥᠩᠭᠡᠶᠢᠯᠡᠭᠰᠡᠨ ᠬᠦᠷᠢᠶᠡᠯᠠᠩ ᠤᠨ110 ᠺᠢᠯᠤᠸᠤᠯᠲ ᠤᠨ ᠴᠠᠬᠢᠯᠭᠠᠨ ᠬᠤᠪᠢᠰᠬᠠᠨ ᠳᠠᠮᠵᠢᠭᠤᠯᠬᠤ ᠱᠤᠭᠤᠮ᠂ 35 ᠺᠢᠯᠤᠸᠤᠯᠲ ᠤᠨ ᠴᠠᠬᠢᠯᠭᠠᠨ | ᠬᠤᠪᠢᠰᠬᠠᠬᠤ ᠦᠷᠳᠡᠭᠡ ᠪᠠ 445 ᠺᠢᠯᠤᠮᠧᠲᠷ ᠴᠠᠬᠢᠯᠭᠠᠨ ᠬᠦᠴᠤᠨ ᠤ ᠱᠤᠭᠤᠮ ᠢ ᠰᠢᠨ᠎ᠠ ᠪᠠᠷ ᠪᠠᠶᠢᠭᠤᠯᠤᠨ᠎ᠠ᠃ ᠤᠯᠵᠠᠴᠢ ᠪᠠᠯᠭᠠᠰᠤᠨ ᠠᠴᠠ ᠳ᠋ᠥᠩ ᠳ᠋ᠤᠤ | ᠯᠢᠶᠠᠩ ᠬᠦᠷᠬᠦ ︵ᠥᠪᠤᠷ ᠮᠤᠩᠭᠤᠯ ᠨᠢᠩᠰᠢᠶᠠ ᠶᠢᠨ ᠰᠠᠪᠠ︶ ᠲᠥᠷᠭᠡᠨ ᠵᠠᠮ ᠢ ᠡᠬᠢᠯᠡᠨ ᠪᠠᠶᠢᠭᠤᠯᠵᠤ᠂ ᠤᠯᠵᠠᠴᠢ ᠠᠴᠠ ᠥᠥᠰᠢᠨ ᠬᠤᠰᠢᠭᠤᠨ ᠤ ᠲᠤᠯᠢ ᠭᠥᠷᠭᠦ | ᠨᠢᠭᠡᠳᠥᠭᠡᠷ ᠲᠡᠰ ᠤᠨ ᠵᠠᠰᠠᠮᠠᠯ ᠵᠠᠮ ᠤᠨ ᠥᠭᠡᠷᠡᠴᠢᠯᠡᠯᠳᠡ ᠶᠢᠨ ᠠᠵᠢᠯ᠂ ᠲᠤᠯᠢ ᠠᠴᠠ ᠱᠠᠩᠬᠠᠢ ᠶᠢᠨ ᠰᠥᠮ᠎ᠡ ᠭᠥᠷᠭᠦ ᠲᠡᠮᠥᠷ ᠵᠠᠮ᠂ ᠨᠡᠶᠢᠳᠡᠮ ᠭᠡᠷᠡᠭᠯᠡᠭᠡᠨ ᠤ ᠨᠢᠰᠭᠡᠯ | ᠤᠨ ᠪᠠᠭᠤᠳᠠᠯ ᠵᠡᠷᠭᠡ ᠪᠠᠷᠢᠯᠭ᠎ᠠ ᠶᠢ ᠥᠨᠥ ᠵᠢᠯ ᠡᠬᠢᠯᠡᠭᠦᠯᠭᠦ ᠪᠠᠷ ᠴᠢᠷᠮᠠᠶᠢᠨ᠂ ᠤᠯᠵᠠᠴᠢ ᠠᠴᠠ ᠪᠤᠷᠤᠪᠠᠯᠭᠠᠰᠤ ᠭᠥᠷᠭᠦ ᠨᠢᠭᠡᠳᠥᠭᠡᠷ ᠲᠡᠰ ᠤᠨ ᠵᠠᠰᠠᠮᠠᠯ ᠵᠠᠮ ᠤᠨ | ᠡᠮᠥᠨ᠎ᠡ ᠬᠤᠭᠤᠴᠠᠭᠠᠨ ᠤ ᠠᠵᠢᠯ ᠢ ᠱᠠᠯᠠᠪᠳᠠᠭᠤᠯᠤᠨ᠎ᠠ︔ ᠪᠤᠯᠠᠭ ᠠᠴᠠ ᠱᠠᠩᠬᠠᠢ ᠶᠢᠨ ᠰᠥᠮ᠎ᠡ ᠭᠥᠷᠭᠦ᠂ ᠵᠤᠤᠬ᠎ᠠ ᠠᠴᠠ ᠢᠮᠠᠭᠠᠯᠠᠢ ᠭᠥᠷᠭᠦ ᠵᠡᠷᠭᠡ ᠭᠠᠴᠠᠭ᠎ᠠ | ᠲᠤᠰᠬᠤᠨ ᠤ ᠴᠠᠷᠳᠠᠮᠠᠯ ᠵᠠᠮ ᠢ ᠲᠡᠷᠭᠡ ᠨᠡᠪᠳᠡᠷᠡᠭᠦᠯᠵᠥ᠂ 90 ᠺᠢᠯᠥᠮᠧᠲᠷ ᠤᠨ ᠭᠥᠳᠡᠭᠡ ᠲᠤᠰᠬᠤᠨ ᠤ ᠵᠠᠰᠠᠮᠠᠯ ᠵᠠᠮ᠂ ᠱᠠᠩᠬᠠᠢ ᠶᠢᠨ ᠰᠥᠮ᠎ᠡ ᠶᠢᠨ ᠵᠠᠮ ᠵᠡᠭᠡᠯᠢ | ᠶᠢᠨ ᠵᠠᠯᠭᠠᠯᠳᠠ ᠪᠠ 21 ᠺᠢᠯᠤᠮᠧᠲᠷ ᠭᠥᠨᠳᠥ ᠲᠠᠭᠠᠭᠠᠴᠠᠳᠤ ᠵᠠᠰᠠᠮᠠᠯ ᠵᠠᠮ ᠰᠢᠨ᠎ᠡ ᠲᠡᠪᠢᠰᠥᠨ᠂ ᠤᠯᠵᠠᠴᠢ ᠶᠢᠨ ᠶᠡᠷᠥᠩᠭᠡᠶᠢᠯᠡᠭᠰᠡᠨ ᠭᠥᠷᠢᠶᠡᠯᠠᠩ ᠤᠨ 12.3 | ᠺᠢᠯᠥᠮᠧᠲᠷ ᠵᠠᠰᠠᠮᠠᠯ ᠵᠠᠮ ᠢ ᠵᠠᠰᠠᠨ᠎ᠠ᠃ | ︵ᠲᠠᠪᠤ︶ ᠥᠢᠯᠡᠴᠢᠯᠡᠭᠡ ᠶᠢ ᠴᠢᠩᠭᠠᠳᠬᠠᠨ᠂ ᠲᠥᠷᠥᠯ ᠵᠥᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠤᠯᠤᠰ ᠤᠨ ᠠᠵᠤ ᠥᠢᠯᠡᠰ ᠤᠨ ᠵᠢᠯᠤᠭᠤᠳᠤᠮᠵᠢ | ᠶᠢ ᠰᠠᠨᠠᠭᠠᠴᠢᠯᠠᠭᠠᠲᠡᠢ ᠪᠠᠷ ᠡᠵᠡᠮᠳᠡᠵᠤ᠂ ᠠᠵᠤ ᠥᠢᠯᠡᠰ ᠢ ᠬᠤᠪᠢᠷᠠᠭᠤᠯᠤᠨ ᠲᠡᠰ ᠲᠡᠪᠰᠢᠭᠦᠯᠭᠦ᠂ ᠤᠨᠴᠠᠯᠢᠭᠳᠤ ᠠᠵᠤ ᠥᠢᠯᠡᠰ ᠢ ᠭᠥᠭᠵᠢᠭᠦᠯᠭᠦ᠂ ᠡᠬᠢ ᠰᠤᠷᠪᠤᠯᠵᠢ | ᠶᠢ ᠶᠡᠷᠥᠩᠭᠡᠶᠢᠯᠡᠨ ᠠᠰᠢᠭᠯᠠᠬᠤ ᠵᠡᠷᠭᠡ ᠲᠠᠯ᠎ᠠ ᠠᠴᠠ ᠭᠠᠷᠳᠠᠵᠤ᠂ ᠠᠵᠤ ᠠᠬᠤᠢ ᠶᠢᠨ ᠥᠷ᠎ᠡ ᠠᠰᠢᠭ ᠥᠨᠳᠥᠷ᠂ ᠠᠵᠤ ᠥᠢᠯᠡᠰ ᠤᠨ ᠭᠡᠯᠬᠢᠶᠡᠵᠢᠯ ᠤᠷᠳᠤ᠂ ᠡᠬᠢ | ᠰᠤᠷᠪᠤᠯᠵᠢ ᠶᠢᠨ ᠶᠡᠷᠥᠩᠭᠡᠶᠢᠯᠡᠭᠰᠡᠨ ᠠᠰᠢᠭᠯᠠᠯᠳᠠ ᠪᠠᠷ ᠰᠠᠶᠢᠨ ᠨᠢᠭᠡ ᠪᠥᠯᠥᠭ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠥᠷᠥᠯ ᠵᠥᠢᠯ ᠢ ᠰᠢᠯᠢᠳᠡᠭᠵᠢᠭᠦᠯᠥᠨ | ᠨᠥᠭᠡᠴᠡᠯᠡᠵᠥ᠂ ᠲᠥᠷᠥᠯ ᠵᠥᠢᠯ ᠤᠨ ᠭᠥᠮᠥᠷᠭᠡ ᠳᠤ ᠤᠷᠤᠭᠤᠯᠤᠨ ᠨᠢᠭᠡᠳᠥᠯᠳᠡᠢ ᠬᠠᠮᠢᠶᠠᠷᠴᠤ᠂ ᠪᠥᠯᠥᠭ ᠬᠤᠪᠢᠶᠠᠨ ᠭᠡᠷᠡᠭᠵᠢᠭᠦᠯᠥᠨ᠎ᠡ᠃ ᠤᠯᠤᠰ᠂ ᠤᠷᠤᠨ᠂ | ᠬᠤᠳᠠ ᠶᠢᠨ ᠬᠤᠯᠪᠤᠭᠳᠠᠯ ᠪᠥᠭᠦᠢ ᠱᠠᠭᠠᠷᠳᠠᠯᠭ᠎ᠠ ᠶᠤᠰᠤ ᠪᠠᠷ ᠲᠥᠷᠥᠯ ᠵᠥᠢᠯ ᠤᠨ ᠵᠥᠪᠰᠢᠶᠡᠷᠡᠯ ᠤᠨ ᠡᠷᠭᠡ ᠶᠢ ᠲᠤᠭᠤᠭᠰᠢ ᠲᠠᠯᠪᠢᠬᠤ ᠲᠥᠷᠢᠮ ᠢ ᠬᠢᠨᠠᠮᠭᠠᠢ | ᠲᠤᠤᠱᠯᠠᠭᠤᠯᠤᠨ᠂ ᠲᠥᠷᠥᠯ ᠵᠥᠢᠯ ᠤᠨ ᠵᠥᠪᠰᠢᠶᠡᠷᠡᠯ ᠢ ᠰᠢᠯᠤᠭᠤᠳᠬᠠᠨ ᠴᠠᠭ ᠲᠠᠷᠠᠭᠠᠯᠠᠯ ᠢ ᠴᠤᠮᠬᠠᠳᠬᠠᠵᠤ᠂ ᠲᠥᠷᠥᠯ ᠵᠥᠢᠯ ᠤᠨ ᠪᠠᠶᠢᠭᠤᠯᠤᠯᠳᠠ ᠶᠢᠨ ᠡᠯ᠎ᠡ | ᠭᠤᠭᠴᠤᠭ᠎ᠠ ᠶᠢᠨ ᠥᠢᠯᠡᠴᠢᠯᠡᠭᠡ ᠬᠠᠮᠢᠶᠠᠷᠤᠯᠳᠠ ᠶᠢ ᠰᠠᠶᠢᠳᠤᠷ ᠬᠢᠵᠥ᠂ ᠡᠮᠥᠨ᠎ᠡ ᠬᠤᠭᠤᠴᠭᠠᠨ ᠤ ᠲᠥᠷᠥᠯ ᠵᠥᠢᠯ ᠢ ᠲᠦᠷᠬᠡᠨ ᠵᠦᠪᠰᠢᠶᠡᠷᠡᠬᠦᠯᠵᠤ᠂ | ᠵᠦᠪᠰᠢᠶᠡᠷᠡᠬᠦᠯᠦᠭᠰᠡᠨ ᠲᠦᠷᠤᠯ ᠵᠦᠢᠯ ᠢ ᠲᠦᠷᠬᠡᠨ ᠪᠤᠳᠠᠳᠠᠶᠢᠵᠢᠭᠤᠯᠵᠤ᠂ ᠪᠤᠳᠠᠳᠠᠶᠢᠵᠢᠭᠤᠯᠤᠭᠰᠡᠨ ᠲᠦᠷᠤᠯ ᠵᠦᠢᠯ ᠤᠨ ᠥᠷ᠎ᠡ ᠠᠰᠢᠭ ᠢ ᠪᠠᠳᠠᠷᠠᠭᠤᠯᠬᠤ ᠶᠢ | ᠠᠬᠢᠭᠤᠯᠤᠨ᠎ᠠ᠃ ᠲᠦᠯᠤᠪᠯᠡᠭᠡ ᠶᠢᠨ ᠨᠠᠶᠢᠷᠠᠭᠤᠯᠤᠯᠳᠠ ᠵᠦᠪᠰᠢᠶᠡᠷᠡᠯᠳᠠ᠂ ᠲᠦᠷᠤᠯ ᠵᠦᠢᠯ ᠤᠨ ᠪᠡᠯᠡ ᠮᠦᠩᠬᠦ ᠶᠢ ᠴᠢᠷᠮᠠᠶᠢᠨ ᠤᠯᠬᠤ᠂ ᠲᠦᠷᠤᠯ ᠵᠦᠢᠯ ᠢ | ᠪᠠᠶᠢᠴᠠᠭᠠᠬᠤ ᠵᠡᠷᠬᠡ ᠠᠵᠢᠯ ᠢ ᠪᠠᠳᠤᠳᠠᠢ ᠠᠤᠨᠬᠤᠵᠤ᠂ ᠲᠦᠷᠤᠯ ᠵᠦᠢᠯ ᠤᠨ ᠡᠮᠬᠢᠳᠠᠢ ᠵᠠᠯᠭᠠᠯᠳᠤᠵᠤ᠂ ᠤᠷᠤᠭᠰᠢᠳᠠᠢ ᠠᠬᠢᠬᠤ ᠶᠢ ᠪᠠᠳᠤᠯᠠᠨ᠎ᠠ᠃ | ︵ᠵᠢᠷᠭᠤᠭ᠎ᠠ︶ ᠠᠷᠠᠤᠨ ᠤᠨ ᠠᠮᠢᠳᠤᠷᠠᠯ ᠢ ᠨᠠᠶᠢᠳᠠᠮ ᠬᠠᠷᠠᠭᠠᠯᠵᠠᠵᠤ᠂ ᠪᠠᠳᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠤᠨ᠎ᠠ᠃ ᠰᠤᠷᠭᠠᠨ ᠬᠦᠮᠤᠵᠢᠯ᠂ ᠡᠮ | ᠡᠮᠴᠢᠯᠡᠭᠡ᠂ ᠰᠤᠶᠤᠯ᠂ ᠡᠷᠡᠬᠦᠯ ᠬᠠᠮᠠᠭᠠᠯᠠᠯ ᠵᠡᠷᠬᠡ ᠨᠠᠶᠢᠬᠡᠮ ᠤᠨ ᠡᠯ᠎ᠡ ᠲᠦᠷᠤᠯ ᠤᠨ ᠤᠶᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠦᠬᠦ ᠬᠦᠴᠤᠨ ᠢᠶᠠᠷ | ᠠᠬᠢᠭᠤᠯᠤᠨ᠎ᠠ᠃ ᠰᠤᠷᠭᠠᠭᠤᠯᠢ ᠶᠢᠨ ᠦᠷᠬᠦᠯᠵᠢᠯᠠᠯ ᠪᠠᠷᠢᠯᠭ᠎ᠠ ᠶᠢ ᠪᠠᠶᠢᠭᠤᠯᠵᠤ᠂ ᠰᠤᠷᠭᠠᠨ ᠬᠦᠮᠤᠵᠢᠯ ᠤᠨ ᠰᠠᠭᠤᠷᠢ ᠲᠦᠬᠦᠬᠡᠷᠤᠮᠵᠢ ᠶᠢ ᠳᠡᠬᠦᠯᠳᠡᠷᠵᠢᠬᠦᠯᠤᠨ᠎ᠠ᠃ | ᠮᠥᠽᠸᠢ᠂ ᠨᠤᠮ ᠤᠨ ᠰᠠᠩ᠂ ᠰᠤᠶᠤᠯ ᠤᠨ ᠤᠷᠳᠤᠨ᠂ ᠳᠠᠩᠰᠠ ᠡᠪᠬᠡᠮᠡᠯ ᠤᠨ ᠤᠷᠳᠤᠨ ᠢ ᠠᠰᠢᠭᠯᠠᠯᠳᠠ ᠳᠤ ᠤᠷᠤᠭᠤᠯᠵᠤ᠂ ᠠᠷᠠᠤᠨ ᠤᠯᠠᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠤᠨ᠎ᠠ᠃ ᠬᠤᠶᠠᠳᠤᠭᠠᠷ ᠳᠡᠰ ᠤᠨ ᠬᠦᠬᠡ ᠵᠡᠷᠬᠡ ᠶᠢᠨ ᠦᠨᠳᠤᠰᠤᠳᠠᠨ ᠤ ᠡᠮᠨᠡᠯᠬᠡ ᠶᠢᠨ ᠬᠤᠷᠢᠶ᠎ᠠ᠂ ᠬᠤᠶᠠᠳᠤᠭᠠᠷ ᠳᠡᠰ ᠤᠨ ᠬᠦᠬᠡᠭᠴᠢᠨ | ᠵᠡᠷᠭᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠶᠢᠨ ᠳᠡᠰ ᠳᠠᠪᠰᠢᠬᠤ ᠠᠵᠢᠯ ᠢ ᠰᠠᠶᠢᠳᠤᠷ ᠠᠤᠨᠬᠤᠵᠤ᠂ ᠪᠤᠷᠤᠪᠠᠯᠭᠠᠰᠤ ᠪᠠ ᠳᠠᠬᠢᠯᠳᠤ ᠶᠢᠨ ᠡᠷᠡᠬᠦᠯ | ᠬᠠᠮᠠᠭᠠᠯᠠᠯ ᠤᠨ ᠬᠤᠷᠢᠶ᠎ᠠ ᠶᠢ ᠦᠬᠡᠷᠡᠴᠢᠯᠠᠨ ᠪᠠᠶᠢᠭᠤᠯᠤᠨ᠎ᠠ︔ ᠬᠦᠨᠳᠤ ᠶᠡᠭᠡ ᠡᠪᠡᠳᠴᠢᠳᠡᠨ ᠪᠠ ᠬᠦᠴᠢᠷᠳᠠᠯ ᠲᠠᠢ ᠡᠮᠡᠭᠳᠡᠶᠢᠴᠤᠤᠨ᠂ ᠤᠨᠴᠠ ᠬᠦᠴᠢᠷᠳᠠᠯ ᠲᠠᠢ | ᠬᠦᠮᠤᠰ ᠤᠨ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠠᠵᠢᠯ ᠢ ᠰᠠᠶᠢᠳᠤᠷ ᠠᠤᠨᠬᠤᠵᠤ᠂ ᠡᠮᠴᠢᠯᠡᠭᠡ ᠡᠷᠡᠬᠦᠯ ᠬᠠᠮᠠᠭᠠᠯᠠᠯ ᠤᠨ ᠪᠠᠳᠤᠯᠠᠭ᠎ᠠ ᠶᠢᠨ ᠲᠦᠪᠰᠢᠨ ᠢ | ᠳᠡᠬᠡᠭᠰᠢᠯᠡᠬᠦᠯᠤᠨ᠎ᠠ᠃ ᠨᠠᠶᠢᠬᠡᠮ ᠤᠨ ᠪᠠᠳᠤᠯᠠᠭ᠎ᠠ ᠶᠢᠨ ᠪᠦᠷᠬᠦᠴᠠ ᠶᠢ ᠤᠯᠠᠮ ᠦᠷᠬᠡᠤᠨᠬᠡᠵᠤ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ | ᠳᠡᠬᠡᠭᠰᠢᠯᠡᠬᠦᠯᠵᠤ᠂ ᠵᠡᠮᠳᠡᠭᠴᠤᠤᠨ᠂ ᠬᠤᠳᠠ ᠬᠦᠳᠡᠭᠡ ᠶᠢᠨ ᠳᠤᠤᠷ᠎ᠠ ᠪᠠᠳᠤᠯᠠᠭᠠᠳᠤ ᠡᠷᠤᠬᠡ᠂ ︽ᠭᠤᠷᠪᠠ ᠦᠬᠡᠢ ᠬᠦᠮᠤᠰ︾᠂ ᠭᠤᠤᠯᠳᠠᠯᠭᠠᠳᠠᠢ ᠬᠠᠷᠠᠭᠠᠯᠵᠠᠬᠤ | ᠡᠳᠡᠬᠡᠤᠨ ᠵᠡᠷᠬᠡ ᠬᠦᠴᠢᠷᠳᠠᠯ ᠲᠠᠢ ᠠᠷᠠᠤᠨ ᠲᠤ ᠨᠦᠬᠦᠪᠤᠷᠢ ᠤᠯᠭᠤᠬᠤ ᠠᠵᠢᠯ ᠢ ᠰᠠᠶᠢᠳᠤᠷ ᠠᠤᠨᠬᠤᠨ᠎ᠠ᠃ ᠪᠠᠳᠤᠯᠠᠭ᠎ᠠ ᠶᠢᠨ ᠤᠷᠤᠨ ᠰᠠᠭᠤᠴᠠ ᠶᠢᠨ | ᠪᠠᠶᠢᠭᠤᠯᠤᠯᠳᠠ ᠪᠠ ᠮᠠᠯᠵᠢᠬᠤ ᠳᠠᠷᠢᠶᠠᠯᠠᠬᠤ ᠤᠷᠤᠨ ᠤ ᠠᠶᠤᠯᠳᠠᠢ ᠬᠡᠷ ᠪᠠᠶᠢᠰᠢᠩ ᠤᠨ ᠥᠭᠡᠷᠡᠴᠢᠯᠡᠯᠳᠡ ᠶᠢ ᠪᠠᠳᠤᠳᠠᠢ ᠠᠤᠨᠬᠤᠵᠤ᠂ ᠤᠷᠤᠨ ᠰᠠᠭᠤᠴᠠ ᠶᠢᠨ | ᠬᠦᠴᠢᠷᠳᠠᠯ ᠢ ᠪᠦᠳᠤᠮᠵᠢᠳᠠᠢ ᠰᠢᠢᠤᠨᠪᠤᠷᠢᠯᠡᠨᠠ᠃ ᠤᠶᠢᠯᠡᠰ ᠪᠦᠳᠤᠬᠡᠨ ᠠᠵᠢᠯ ᠤᠯᠬᠤ ᠶᠢ ᠴᠢᠷᠮᠠᠶᠢᠨ ᠦᠷᠬᠡᠤᠨᠬᠡᠵᠤ᠂ ᠤᠶᠢᠯᠡᠰ ᠪᠦᠳᠤᠬᠡᠨ ᠠᠵᠢᠯ ᠤᠯᠬᠤ | ᠲᠠᠪᠴᠠᠩ ᠪᠠᠶᠢᠭᠤᠯᠵᠤ᠂ ᠤᠶᠢᠯᠡᠰ ᠪᠦᠳᠤᠬᠡᠨ ᠠᠵᠢᠯ ᠤᠯᠬᠤ ᠠᠷᠭ᠎ᠠ ᠵᠠᠮ ᠢ ᠥᠷᠭᠡᠳᠭᠡᠨ᠂ ᠠᠷᠠᠤᠨ ᠢ ᠬᠠᠷᠠᠭᠠᠯᠵᠠᠬᠤ ᠡᠯ᠎ᠡ ᠲᠥᠷᠥᠯ ᠤᠨ ᠲᠦᠷᠤ ᠶᠢᠨ ᠪᠤᠳᠤᠯᠭ᠎ᠠ | ᠶᠢ ᠪᠤᠳᠠᠳᠠᠶᠢᠵᠢᠭᠤᠯᠵᠤ᠂ ᠰᠢᠯᠵᠢᠭᠰᠡᠨ ᠮᠠᠯᠴᠢᠨ ᠳᠠᠷᠢᠶᠠᠴᠢᠳ ᠤᠨ ᠠᠵᠢᠯ ᠤᠯᠬᠤ ᠠᠰᠠᠭᠤᠳᠠᠯ ᠢ ᠰᠢᠢᠤᠨᠪᠤᠷᠢᠯᠠᠨᠠ᠃ ᠤᠰᠤ ᠤᠮᠳᠠ ᠶᠢᠨ ᠠᠶᠤᠯᠬᠦᠢ᠂ ᠢᠳᠡᠭᠡᠨ ᠤ | ᠠᠶᠤᠯᠬᠦᠢ᠂ ᠤᠶᠤᠨ ᠤ ᠪᠤᠯᠪᠠᠰᠤᠨ ᠤ ᠪᠠᠶᠢᠭᠤᠯᠤᠯᠳᠠ᠂ ᠴᠢᠳᠠᠪᠤᠷᠢᠳᠠᠨ ᠤᠷᠢᠬᠤ᠂ ᠬᠦᠮᠤᠨ ᠠᠮᠠ ᠶᠢᠨ ᠲᠦᠯᠤᠪᠯᠡᠬᠡᠳᠤ ᠭᠥᠩᠭᠡᠵᠢᠯ᠂ ᠡᠮᠡᠭᠳᠠᠶᠢᠴᠤᠤᠨ | ᠪᠠᠭᠠᠴᠤᠤᠨ᠂ ᠨᠠᠶᠢᠬᠡᠮ ᠤᠨ ᠬᠠᠮᠢᠶᠠᠷᠤᠯᠳᠠ᠂ ᠦᠬᠡᠷᠡᠴᠢᠯᠠᠯᠳᠠ ᠰᠢᠨᠡᠴᠢᠯᠠᠯᠳᠠ ᠵᠡᠷᠬᠡ ᠠᠵᠢᠯ ᠢ ᠰᠠᠶᠢᠳᠤᠷ ᠠᠤᠨᠬᠤᠵᠤ᠂ ᠨᠠᠶᠢᠬᠡᠮ ᠤᠨ ᠡᠯ᠎ᠡ ᠲᠦᠷᠤᠯ ᠤᠨ ᠤᠶᠢᠯᠡᠰ | ᠤᠨ ᠡᠶ᠎ᠡ ᠨᠠᠶᠢᠷᠠᠮᠳᠠᠭᠤ ᠬᠦᠭᠵᠢᠯᠳᠠ ᠶᠢ ᠠᠬᠢᠭᠤᠯᠤᠨ᠎ᠠ᠃ | ᠲᠦᠯᠤᠬᠡᠯᠡᠭᠴᠢᠤᠨ ᠡ᠂ 2014 ᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠠᠵᠢᠯ ᠢ ᠰᠠᠶᠢᠳᠤᠷ ᠬᠢᠬᠦ ᠳᠤ ᠡᠬᠦᠷᠬᠡ ᠬᠦᠨᠳᠤ ᠠᠴᠢ | ᠬᠤᠯᠪᠤᠭᠳᠠᠯ ᠶᠡᠭᠡ ᠪᠤᠢ᠃ ᠪᠢᠳᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠳᠤᠬᠢᠶᠠᠯ ᠢ ᠠᠤᠨᠬᠤᠨ᠂ ᠬᠦᠴᠢᠷᠳᠠᠯ ᠢ | ᠢᠯᠡᠨ᠂ ᠦᠬᠡᠷᠡᠴᠢᠯᠠᠯᠳᠠ ᠰᠢᠨᠠᠴᠢᠯᠠᠯᠳᠠ ᠬᠢᠵᠤ᠂ ᠪᠦᠬᠦ ᠵᠢᠯ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠬᠠᠷᠠᠯᠳᠠ ᠪᠠᠨ ᠪᠡᠶᠡᠯᠡᠬᠦᠯᠬᠦ ᠶᠢ ᠪᠠᠳᠤᠯᠠᠬᠤ ᠳᠤ | ᠢᠳᠡᠬᠡᠯ ᠳᠡᠬᠦᠯᠳᠡᠷ ᠪᠠᠶᠢᠨ᠎ᠠ᠃ | |