ᠤᠳᠤᠭ ᠤᠨ ᠡᠮᠥᠨᠡᠳᠤ ᠬᠤᠰᠢᠭᠤᠨ ᠤ 2013 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2014 ᠤᠨ ᠤ ᠡᠳ᠋ ᠤᠨ | ᠵᠠᠰᠠᠭ ᠤᠨ ᠳᠥᠰᠥᠪ ︵ᠳᠥᠰᠥᠯ︶ ᠤᠨ ᠮᠡᠳᠡᠬᠦᠯᠥᠯᠲᠡ | | | —— 2014 ᠤᠨ ᠤ 1 ᠰᠠᠷ᠎ᠠ ᠶᠢᠨ 22 ᠤᠨ ᠡᠳᠥᠷ ᠤᠳᠤᠭ ᠤᠨ ᠡᠮᠥᠨᠡᠳᠤ ᠬᠤᠰᠢᠭᠤᠨ ᠤ ᠶᠢᠰᠥᠳᠥᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | ᠲᠥᠯᠥᠭᠡᠯᠡᠭᠴᠢᠳ ᠡ᠄ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2013 ᠤᠨ ᠤ ᠡᠳ᠋ ᠤᠨ ᠵᠠᠰᠠᠭ ᠤᠨ | ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2014 ᠤᠨ ᠤ ᠡᠳ᠋ ᠤᠨ ᠵᠠᠰᠠᠭ ᠤᠨ ᠳᠥᠰᠥᠪ ᠤᠨ ︵ᠳᠥᠰᠥᠯ︶ ᠤᠨ ᠮᠡᠳᠡᠬᠦᠯᠥᠯᠲᠡ ᠪᠠᠨ ᠬᠤᠰᠢᠭᠤ | ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠣᠭᠠᠨ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ | ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠵᠢᠴᠢ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2013 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2013 ᠤᠨ ᠳᠤ᠂ ᠬᠤᠷᠸ᠎ᠠ ᠠᠵᠣ ᠠᠬᠤᠢ ᠶᠢᠨ ᠪᠤᠳᠤᠯᠢᠶᠠᠨ ᠲᠠᠢ ᠣᠷᠴᠢᠨ ᠲᠤᠤᠷ᠎ᠠ ᠮᠡᠨ ᠤ ᠬᠤᠰᠢᠭᠤᠨ ᠤ ᠡᠳ᠋ ᠤᠨ ᠵᠠᠰᠠᠭ ᠤᠨ ᠠᠵᠢᠯ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠥᠪ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠥᠷᠥ ᠶᠢᠨ | ᠵᠦᠪᠯᠡᠯᠬᠡᠨ ᠤ ᠪᠥᠳᠥᠮᠵᠢ ᠲᠠᠢ ᠬᠢᠨᠠᠯᠲᠠ ᠳᠤᠤᠷ᠎ᠠ᠂ ᠣᠷᠣᠯᠭ᠎ᠠ ᠶᠢ ᠠᠤᠨᠬᠤᠨ ᠨᠡᠮᠡᠭᠳᠡᠯ ᠢ ᠠᠬᠢᠭᠤᠯᠵᠣ᠂ ᠪᠦᠳᠦᠴᠡ ᠶᠢ ᠲᠣᠬᠢᠷᠠᠭᠤᠯᠣᠨ ᠠᠷᠠᠳ ᠤᠨ ᠠᠮᠢᠳᠥᠷᠠᠯ | ᠢ ᠰᠠᠶᠢᠵᠢᠷᠠᠭᠤᠯᠤᠨ᠂ ᠦᠬᠡᠷᠡᠴᠢᠯᠠᠯᠳᠠ ᠬᠦᠭᠵᠢᠭᠦᠯᠦᠯᠳᠠ ᠶᠢ ᠠᠬᠢᠭᠤᠯᠵᠣ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠥᠢᠯᠡᠰ ᠤᠨ ᠬᠥᠭᠵᠢᠯᠲᠡ ᠶᠢ | ᠭᠥᠴᠥᠲᠡᠢ ᠳᠡᠮᠵᠢᠨ᠂ ᠵᠢᠯ ᠤᠨ ᠳᠥᠰᠥᠪ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠪᠠᠨ ᠨᠡᠯᠢᠶᠡᠳ ᠴᠢᠨᠠᠷᠵᠢᠭᠤᠨ ᠪᠡᠶᠡᠯᠡᠭᠦᠯᠪᠠ᠃ | 2013 ᠤᠨ ᠳᠤ ᠬᠤᠰᠢᠭᠤ ᠲᠣᠰ ᠱᠠᠳᠤᠨ ᠤ ᠡᠯ᠎ᠡ ᠲᠠᠯ᠎ᠠ ᠶᠢᠨ ᠤᠷᠤᠯᠭ᠎ᠠ ᠶᠢ ᠵᠢᠱᠢᠯᠳᠠ ᠪᠠᠷ 29.31 ᠳ᠋ᠦᠩᠰᠢᠭᠤᠷ ᠲᠥᠭᠦᠷᠢᠭ ᠪᠡᠶᠡᠯᠡᠬᠦᠯᠵᠤ᠂ | ᠠᠳᠠᠯᠢ ᠬᠤᠭᠤᠴᠠᠭᠠᠨ ᠤ ᠬᠢ ᠠᠴᠠ 19.73% ᠪᠠᠷ ᠨᠡᠮᠡᠭᠳᠡᠭᠦᠯᠪᠡ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 11.66 | ᠳ᠋ᠦᠩᠰᠢᠭᠤᠷ ᠲᠥᠭᠦᠷᠢᠭ᠂ ᠲᠡᠭᠡᠳᠦ ᠱᠠᠳᠤᠨ ᠤ ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 15.3 ᠳ᠋ᠦᠩᠰᠢᠭᠤᠷ ᠲᠥᠭᠦᠷᠢᠭ᠂ ᠲᠡᠭᠡᠷ᠎ᠡ ᠵᠢᠯ ᠤᠨ ᠦᠯᠡᠳᠡᠪᠦᠷᠢ | ᠣᠷᠣᠯᠭ᠎ᠠ 2.35 ᠳ᠋ᠦᠩᠰᠢᠭᠤᠷ ᠲᠦᠭᠦᠷᠢᠭ︔ ᠬᠤᠰᠢᠭᠤ ᠲᠤᠰ ᠱᠠᠳᠤᠨ ᠤ ᠡᠯ᠎ᠡ ᠲᠠᠯ᠎ᠠ ᠶᠢᠨ ᠵᠠᠷᠤᠯᠭ᠎ᠠ ᠵᠢᠱᠢᠯᠳᠠ ᠪᠠᠷ 26.72 ᠳ᠋ᠦᠩᠰᠢᠭᠤᠷ ᠲᠥᠭᠦᠷᠢᠭ᠂ | ᠠᠳᠠᠯᠢ ᠬᠤᠭᠤᠴᠠᠭᠠᠨ ᠤ ᠬᠢ ᠠᠴᠠ 20.69% ᠪᠠᠷ ᠨᠡᠮᠡᠭᠳᠡᠪᠠ᠂ ᠡᠭᠦᠨ ᠳᠤ᠄ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠵᠠᠷᠤᠯᠭ᠎ᠠ 26.5 | ᠳ᠋ᠦᠩᠰᠢᠭᠤᠷ ᠲᠥᠭᠦᠷᠢᠭ᠂ ᠳᠡᠭᠡᠭᠰᠢ ᠳᠤᠰᠢᠶᠠᠭᠰᠡᠨ ᠵᠠᠷᠤᠯᠭ᠎ᠠ 0.02 ᠳ᠋ᠦᠩᠰᠢᠭᠤᠷ ᠲᠥᠭᠦᠷᠢᠭ᠂ ᠰᠢᠢᠳᠪᠦᠷᠢᠯᠡᠭᠰᠡᠨ ᠦᠷᠢ ᠦᠭᠴᠡᠭᠡ 0.2 ᠳ᠋ᠦᠩᠰᠢᠭᠤᠷ | ᠲᠦᠭᠦᠷᠢᠭ︔ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 2.59 ᠳ᠋ᠦᠩᠰᠢᠭᠤᠷ ᠲᠦᠬᠦᠷᠢᠭ᠃ | 2013 ᠤᠨ ᠤ ᠪᠥᠭᠦ ᠬᠤᠰᠢᠭᠤᠨ ᠤ ᠡᠳ᠋ ᠤᠨ ᠵᠠᠰᠠᠭ ᠤᠨ ᠶᠡᠷᠥᠩᠬᠡᠢ ᠤᠷᠤᠯᠭ᠎ᠠ 22.02 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ | ᠤ ᠬᠢ ᠠᠴᠠ 10.07% ᠪᠠᠷ ᠨᠡᠮᠡᠭᠳᠡᠪᠡ᠃ 2013 ᠣᠨ ᠤ ᠪᠦᠭᠦ ᠬᠤᠰᠢᠭᠤᠨ ᠤ ᠨᠡᠶᠢᠳᠡ ᠶᠢᠨ ᠡᠳ᠋ ᠤᠨ ᠵᠠᠰᠠᠭ ᠤᠨ ᠵᠠᠷᠣᠯᠭ᠎ᠠ 26.5 ᠳ᠋ᠦᠩᠰᠢᠭᠤᠷ | ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 22.12% ᠪᠠᠷ ᠨᠡᠮᠡᠭᠳᠡᠪᠠ᠂ ᠡᠭᠦᠨ ᠳᠤ᠄ ᠬᠤᠰᠢᠭᠤ ᠱᠠᠳᠣᠨ ᠤ ᠵᠠᠷᠣᠯᠭ᠎ᠠ 25.61 ᠳ᠋ᠦ᠋ᠩᠰᠢᠭᠤᠷ | ᠲᠦᠭᠦᠷᠢᠭ᠂ ᠪᠠᠯᠭᠠᠰᠦ ᠱᠠᠳᠦᠨ ᠤ ᠵᠠᠷᠣᠯᠭ᠎ᠠ 0.89 ᠳ᠋ᠦᠩᠰᠢᠭᠤᠷ ᠲᠦᠭᠦᠷᠢᠭ᠃ 2013 ᠤᠨ ᠳᠤ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ | ᠮᠥᠩᠭᠦ ᠶᠢᠨ ᠤᠷᠤᠯᠭ᠎ᠠ 0.97 ᠳ᠋ᠦᠩᠰᠢᠭᠤᠷ ᠲᠥᠭᠦᠷᠢᠭ ᠬᠦᠷᠴᠦ᠂ ᠰᠠᠭᠤᠷᠢ ᠮᠥᠩᠭᠦ ᠶᠢᠨ ᠵᠠᠷᠤᠯᠭ᠎ᠠ 1.28 ᠳ᠋ᠦᠩᠰᠢᠭᠤᠷ ᠲᠥᠭᠦᠷᠢᠭ ︵ᠡᠬᠦᠨ ᠳᠤ ᠳᠡᠬᠡᠳᠤ | ᠱᠠᠳᠤᠨ ᠤ ᠳᠤᠰᠬᠠᠢ ᠲᠦᠷᠤᠯ ᠤᠨ ᠵᠠᠷᠤᠯᠭ᠎ᠠ 0.31 ᠳ᠋ᠦᠩᠰᠢᠭᠤᠷ ᠲᠦᠬᠦᠷᠢᠭ︶᠂ ᠦᠯᠡᠳᠡᠪᠤᠷᠢ 0.71 ᠳ᠋ᠦᠩᠰᠢᠭᠤᠷ ᠲᠦᠬᠦᠷᠢᠭ︔ ᠨᠡᠶᠢᠬᠡᠮ ᠤᠨ | ᠪᠠᠳᠤᠯᠠᠭ᠎ᠠ ᠶᠢᠨ ᠰᠠᠭᠤᠷᠢ ᠮᠥᠩᠭᠦ ᠶᠢᠨ ᠤᠷᠤᠯᠭ᠎ᠠ ᠵᠠᠷᠤᠯᠭ᠎ᠠ 1.96 ᠳ᠋ᠦᠩᠰᠢᠭᠤᠷ ᠲᠥᠭᠦᠷᠢᠭ ᠢ ᠪᠡᠶᠡᠯᠡᠬᠦᠯᠪᠠ᠃ | 2013 ᠤᠨ ᠤ ᠡᠳ᠋ ᠤᠨ ᠵᠠᠰᠠᠭ ᠤᠨ ᠠᠵᠢᠯ ᠪᠠ ᠳᠥᠰᠥᠪ ᠤᠨ ᠬᠡᠷᠡᠭᠵᠢᠬᠦᠯᠤᠯᠳᠠ ᠶᠢᠨ ᠭᠤᠤᠯ ᠤᠨᠴᠠᠯᠢᠭ᠄ | ︵ᠨᠢᠭᠡ︶ ᠡᠳ᠋ ᠤᠨ ᠵᠠᠰᠠᠭ ᠤᠨ ᠤᠷᠤᠯᠭ᠎ᠠ ᠦᠷᠭᠦᠯᠵᠢᠯᠡᠨ ᠯᠠᠪᠳᠠᠭᠤᠨ ᠢᠶᠠᠷ ᠨᠡᠮᠡᠭᠳᠡᠪᠠ᠃ ᠠᠵᠣ ᠠᠬᠤᠢ ᠶᠢᠨ ᠬᠦᠭᠵᠢᠯᠳᠠ ᠣᠳᠠᠭᠠᠰᠢᠷᠠᠭᠰᠡᠨ ᠪᠠᠶᠢᠳᠠᠯ | ᠲᠣᠣᠷ᠎ᠠ᠂ ᠪᠢᠳᠠ ᠭᠠᠶᠢᠯᠢ ᠲᠠᠲᠠᠪᠦᠷᠢᠯᠡᠬᠤ ᠰᠠᠯᠠᠭ᠎ᠠ ᠮᠦᠴᠢᠷ ᠲᠠᠢ ᠢᠳᠡᠪᠬᠢᠳᠠᠢ ᠬᠠᠮᠵᠢᠯᠴᠠᠨ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠳᠠ ᠶᠢ ᠬᠥᠳᠡᠯᠥᠩᠭᠦᠢ ᠪᠠᠷ | ᠬᠢᠨᠠᠨ ᠡᠵᠡᠮᠳᠠᠵᠣ᠂ ᠬᠠᠣᠯᠢ ᠶᠤᠰᠤ ᠪᠠᠷ ᠤᠷᠤᠯᠭ᠎ᠠ ᠳᠠᠳᠠᠪᠤᠷᠢᠯᠠᠬᠤ ᠬᠠᠮᠢᠶᠠᠷᠣᠯᠳᠠ ᠪᠠᠨ ᠴᠢᠩᠭᠠᠳᠬᠠᠵᠣ᠂ ᠭᠠᠶᠢᠯᠢ ᠭᠤᠭᠤᠵᠢᠵᠣ ᠭᠡᠭᠡᠭᠳᠡᠬᠦ ᠶᠢ ᠦᠨᠳᠦᠰᠦᠨ ᠠᠴᠠ | ᠨᠢ ᠲᠠᠰᠦᠯᠵᠣ᠂ ᠬᠤᠷᠢᠶᠠᠬᠤ ᠶᠤᠰᠤ ᠲᠠᠢ ᠪᠦᠬᠦᠨ ᠢ ᠬᠤᠷᠢᠶᠠᠵᠣ᠂ ᠡᠳ᠋ ᠤᠨ ᠵᠠᠰᠠᠭ ᠤᠨ ᠣᠷᠣᠯᠭ᠎ᠠ ᠶᠢᠨ ᠲᠣᠭᠳᠠᠭᠤᠨ ᠨᠡᠮᠡᠭᠳᠡᠯ ᠢ ᠪᠠᠳᠦᠯᠠᠪᠠ᠃ ᠡᠭᠦᠨ ᠤ | ᠬᠠᠮᠳᠦ ᠲᠡᠭᠡᠳᠦ ᠱᠠᠳᠦᠨ ᠤ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠰᠣᠳᠣᠯᠵᠤ᠂ ᠲᠡᠭᠡᠳᠦ ᠱᠠᠳᠦᠨ ᠤ ᠰᠢᠯᠵᠢᠭᠦᠯᠦᠨ ᠦᠭᠭᠦᠭᠰᠡᠨ ᠪᠡᠯᠡ | ᠮᠦᠭᠭᠦ ᠶᠢ 2.69 ᠳ᠋ᠦᠩᠰᠢᠭᠤᠷ ᠲᠦᠭᠦᠷᠢᠭ ᠣᠯᠵᠣ᠂ ᠠᠵᠣ ᠠᠬᠤᠢ ᠶᠢᠨ ᠲᠡᠰ ᠲᠡᠪᠰᠢᠯᠳᠠ ᠪᠣᠯᠣᠨ ᠨᠡᠶᠢᠭᠡᠮ ᠤᠨ ᠣᠶᠢᠯᠠᠰ ᠤᠨ ᠬᠦᠭᠵᠢᠯᠳᠠ ᠳᠤ ᠬᠢ ᠪᠡᠯᠡ | ᠣᠷᠣᠭᠤᠯᠣᠯᠳᠠ ᠬᠦᠷᠦᠯᠴᠡᠬᠦ ᠦᠭᠡᠢ ᠠᠰᠠᠭᠤᠳᠠᠯ ᠢ ᠪᠥᠳᠥᠮᠵᠢ ᠲᠠᠢ ᠰᠢᠢᠳᠪᠦᠷᠢᠯᠡᠪᠡ᠃ | ︵ᠬᠤᠶᠠᠷ︶ ᠡᠳ᠋ ᠤᠨ ᠵᠠᠰᠠᠭ ᠤᠨ ᠵᠠᠷᠤᠯᠭ᠎ᠠ ᠶᠢᠨ ᠪᠥᠲᠥᠴᠡ ᠢᠯᠡᠳᠲᠡ ᠰᠢᠯᠢᠳᠡᠭᠵᠢᠪᠠ᠃ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠭᠥᠴᠢᠷ | ᠲᠠᠢ᠂ ᠣᠷᠣᠯᠭ᠎ᠠ ᠵᠠᠷᠣᠯᠭ᠎ᠠ ᠶᠢᠨ ᠵᠥᠷᠢᠴᠡᠯ ᠲᠣᠪᠣᠶᠢᠮᠠᠪᠠᠶᠢᠳᠡᠯ ᠲᠣᠣᠷ᠎ᠠ᠂ ᠡᠳ᠋ ᠤᠨ ᠬᠦᠴᠦᠨ ᠢ ᠰᠢᠨᠵᠢᠯᠡᠬᠦ ᠣᠬᠠᠭᠠᠨᠴᠢ ᠪᠠᠷ ᠨᠢᠭᠡᠳᠬᠡᠵᠣ᠂ ᠡᠳ᠋ ᠤᠨ | ᠬᠦᠴᠦᠨ ᠢᠶᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠭᠳᠠᠭᠠᠭᠰᠡᠨ ᠠᠷᠠᠳ ᠢ ᠬᠠᠷᠭᠠᠯᠵᠠᠬᠤ 9 ᠵᠣᠶᠢᠯ ᠤᠨ ᠶᠠᠪᠣᠳᠠᠯ ᠳᠤ | ᠲᠦᠪᠯᠡᠷᠡᠭᠦᠯᠵᠣ᠂ ᠠᠷᠠᠤᠨ ᠤᠨ ᠠᠮᠢᠳᠤᠷᠠᠯ ᠳᠤ 19.08 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠶᠡᠷᠤᠩᠬᠡᠢ ᠵᠠᠷᠤᠯᠭ᠎ᠠ ᠶᠢᠨ 72% ᠶᠢ ᠡᠵᠡᠯᠡᠪᠠ᠃ ᠠᠵᠢᠯ | ᠣᠯᠭᠤᠯᠳᠠ ᠪᠣᠯᠣᠨ ᠲᠡᠬᠢᠨ ᠠᠵᠢᠯ ᠣᠯᠭᠤᠯᠳᠠ ᠳᠤ 556 ᠲᠦᠮᠡᠨ ᠲᠦᠭᠦᠷᠢᠭ ᠵᠠᠷᠣᠴᠠᠭᠤᠯᠵᠣ᠂ ᠣᠶᠢᠯᠠᠰ ᠪᠣᠰᠬᠠᠵᠣ ᠠᠵᠢᠯ ᠣᠯᠬᠤ ᠪᠠᠭ᠎ᠠ ᠲᠣᠭᠠᠨ ᠤ | ᠵᠢᠭᠡᠯᠡᠯᠭᠡ ᠶᠢ 2800 ᠲᠦᠮᠡᠨ ᠲᠦᠭᠦᠷᠢᠭ ᠲᠠᠯᠪᠢᠵᠣ᠂ ᠰᠢᠯᠵᠢᠭᠰᠡᠨ ᠮᠠᠯᠴᠢᠨ ᠲᠠᠷᠢᠶᠠᠴᠢᠳ ᠤᠨ ᠠᠵᠢᠯ ᠣᠯᠣᠯᠳᠠ ᠶᠢᠨ ᠱᠠᠩᠨᠡᠯ ᠤᠨ ᠲᠦᠷᠦ ᠶᠢᠨ ᠪᠣᠳᠣᠯᠭ᠎ᠠ | ᠶᠢ ᠦᠨᠡᠨ ᠬᠦ ᠨᠠᠶᠢᠳᠡᠪᠦᠷᠢᠵᠢᠭᠤᠯᠵᠣ᠂ ᠲᠡᠲᠡᠨ ᠤ ᠣᠶᠢᠯᠠᠰ ᠪᠦᠳᠦᠭᠡᠨ ᠠᠵᠢᠯ ᠣᠯᠬᠤ ᠶᠢ ᠠᠬᠢᠭᠤᠯᠪᠠ᠃ ᠨᠡᠶᠢᠭᠡᠮ ᠤᠨ ᠪᠠᠳᠣᠯᠭ᠎ᠠ ᠳᠤ 1.89 ᠳ᠋ᠦᠩᠰᠢᠭᠤᠷ | ᠲᠦᠭᠦᠷᠢᠭ ᠵᠠᠷᠣᠴᠠᠭᠤᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠬᠡᠵᠤ᠂ | ᠨᠡᠶᠢᠬᠡᠮ ᠤᠨ ᠪᠠᠲᠤᠯᠠᠭ᠎ᠠ ᠶᠢᠨ ᠪᠦᠷᠬᠦᠴᠡ ᠶᠢ ᠲᠠᠰᠤᠷᠠᠯᠳᠠ ᠥᠬᠡᠢ ᠥᠷᠭᠡᠳᠬᠡᠨ᠂ ᠪᠦᠬᠦ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ | ᠤᠨ ᠳᠠᠭᠠᠳᠬᠠᠯ᠂ ᠬᠤᠷᠰᠢᠭᠰᠠᠨ ᠡᠮ ᠡᠮᠨᠡᠯᠬᠡ ᠶᠢᠨ ᠪᠦᠬᠦ ᠪᠦᠷᠬᠦᠴᠡ ᠶᠢ ᠪᠡᠶᠡᠯᠡᠬᠦᠯᠪᠡ︔ ᠲᠤᠤᠷ᠎ᠠ ᠪᠠᠲᠤᠯᠠᠭ᠎ᠠ ᠶᠢᠨ ᠲᠡᠳᠬᠦᠮᠵᠢ ᠮᠥᠩᠬᠦ ᠶᠢ 2333.4 | ᠲᠥᠮᠡᠨ ᠲᠦᠭᠦᠷᠢᠭ ᠲᠠᠯᠪᠢᠵᠤ᠂ ᠬᠤᠳᠠ ᠭᠦᠳᠡᠭᠡ ᠶᠢᠨ 4715 ᠬᠦᠴᠢᠷᠳᠡᠯᠲᠡᠢ ᠡᠷᠥᠬᠡ ᠶᠢᠨ 6282 ᠬᠦᠮᠥᠨ ᠢ ᠬᠠᠷᠠᠭᠠᠯᠵᠠᠪᠠ︔ ᠳᠠᠪᠤᠨ ᠪᠠᠳᠤᠯᠠᠭᠠᠳᠤ | ᠡᠷᠤᠬᠡ ᠶᠢ ᠲᠦᠪᠯᠡᠷᠡᠩᠬᠦᠢ ᠪᠠ ᠳᠠᠷᠬᠠᠢ ᠪᠠᠷ ᠠᠰᠠᠷᠠᠨ ᠲᠡᠳᠭᠦᠭᠦ ᠪᠠᠷᠢᠮᠵᠢᠶ᠎ᠠ ᠶᠢ ᠳᠡᠬᠡᠭᠰᠢᠯᠡᠬᠦᠯᠦᠬᠡᠤᠨ ᠬᠦᠮᠤᠨ ᠪᠦᠷᠢ ᠵᠢᠯ ᠲᠣᠳᠣᠮ ᠳᠤᠰᠪᠤᠷᠢ 10000 | ᠲᠦᠬᠦᠷᠢᠭ ᠪᠠ 6000 ᠲᠦᠬᠦᠷᠢᠭ ᠲᠤ ᠬᠦᠷᠭᠡᠪᠡ︔ ᠰᠢᠨ᠎ᠠ ᠮᠠᠶ᠋ᠢᠭ ᠤᠨ ᠬᠤᠷᠰᠢᠭᠰᠡᠨ ᠡᠮ ᠡᠮᠨᠡᠯᠬᠡ ᠪᠠ ᠬᠤᠳᠠᠯᠳᠤᠭᠠᠨ ᠤ ᠨᠦᠬᠦᠪᠤᠷᠢ ᠳᠠᠭᠠᠤᠨᠬᠠᠯ ᠢ | ᠤᠶᠠᠯᠳᠤᠭᠤᠯᠬᠤ᠂ ᠮᠠᠯᠴᠢᠨ ᠳᠠᠷᠢᠶᠠᠴᠢᠤᠨ ︽ᠤᠷᠢᠳᠠᠪᠠᠷ ᠡᠮᠴᠢᠯᠡᠬᠦᠯᠵᠤ᠂ ᠳᠠᠷᠠᠭ᠎ᠠ ᠨᠢ ᠵᠠᠷᠤᠳᠠᠯ ᠳᠤᠰᠢᠶᠠᠬᠤ︾ ᠴᠠᠭ ᠳᠤᠬᠠᠢ ᠳᠤ ᠨᠢ ᠳᠤᠭᠠᠴᠠᠭ᠎ᠠ ᠬᠢᠬᠦ ᠶᠢ | ᠪᠦᠬᠦ ᠬᠤᠳᠠ ᠳᠤ ᠪᠠᠨ ᠳᠡᠷᠢᠬᠦᠯᠡᠨ ᠬᠡᠷᠡᠭᠵᠢᠬᠦᠯᠪᠠ᠃ ᠬᠤᠳᠠ ᠬᠦᠳᠡᠭᠡ ᠶᠢᠨ ᠲᠤᠤᠷ᠎ᠠ ᠪᠠᠳᠤᠯᠠᠭᠠᠳᠤ ᠡᠷᠥᠬᠡ ᠶᠢᠨ ᠨᠡᠶᠢᠬᠡᠮ ᠤᠨ ᠳᠠᠭᠠᠳᠬᠠᠯ᠂ ᠰᠢᠨ᠎ᠠ ᠮᠠᠶ᠋ᠢᠭ ᠤᠨ | ᠬᠤᠷᠰᠢᠭᠰᠠᠨ ᠡᠮᠨᠡᠯᠭᠡ ᠶᠢᠨ ᠲᠠᠩᠰᠠᠨ ᠠᠴᠠ ᠲᠠᠶᠢᠯᠬᠤ ᠪᠠᠷᠢᠮᠵᠢᠶ᠎ᠠ ᠶᠢ ᠤᠭ ᠤᠨ ᠰᠠᠭᠤᠷᠢᠨ ᠳᠡᠭᠡᠷ᠎ᠠ ᠳᠠᠬᠢᠨ 20% ᠨᠡᠮᠡᠭᠳᠡᠬᠦᠯᠵᠤ᠂ ᠲᠠᠪᠤᠨ ᠪᠠᠳᠤᠯᠠᠭᠠᠳᠤ | ᠡᠷᠥᠬᠡ᠂ ᠭᠤᠷᠪᠠ ᠥᠬᠡᠢ ᠬᠦᠮᠦᠰ᠂ ᠥᠨᠥᠴᠢᠨ ᠬᠡᠤᠬᠡᠳ ᠵᠢᠴᠢ ᠭᠤᠤᠯᠳᠠᠯᠭ᠎ᠠ ᠲᠠᠢ ᠬᠠᠷᠠᠭᠠᠯᠵᠠᠬᠤ ᠡᠳᠡᠭᠡᠳ ᠤᠨ ᠲᠠᠩᠰᠠ ᠲᠠᠶᠢᠯᠬᠤ ᠨᠤᠷᠮ᠎ᠠ ᠶᠢᠨ ᠬᠠᠷᠢᠴᠠᠯ ᠢ | 100% ᠪᠤᠯᠭᠠᠪᠠ︔ ᠪᠦᠬᠦ ᠵᠢᠯ ᠳᠤ 285 ᠬᠦᠨᠳᠤ ᠡᠪᠡᠳᠴᠢᠳᠡᠨ ᠢ ᠠᠪᠣᠷᠠᠨ ᠲᠣᠰᠠᠯᠠᠵᠣ᠂ 141 ᠲᠥᠮᠡᠨ ᠲᠥᠭᠦᠷᠢᠭ ᠡᠮᠨᠡᠯᠬᠡ ᠶᠢᠨ ᠨᠦᠬᠦᠪᠤᠷᠢ ᠮᠥᠩᠬᠦ | ᠲᠠᠯᠪᠢᠪᠠ᠃ 75 ᠨᠠᠰᠤᠨ ᠠᠴᠠ ᠳᠡᠬᠡᠭᠰᠢᠬᠢ ᠨᠠᠰᠤᠳᠠᠶᠢᠴᠤᠤᠨ ᠲᠤ 371.22 ᠲᠦᠮᠡᠨ ᠲᠦᠬᠦᠷᠢᠭ ᠤᠨ ᠦᠨᠳᠤᠷ ᠨᠠᠰᠤᠳᠠᠳ ᠤᠨ ᠨᠦᠬᠦᠪᠤᠷᠢ ᠮᠦᠩᠬᠦ | ᠳᠠᠯᠪᠢᠪᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠥᠢᠯᠡᠰ ᠲᠤ 1.12 ᠳ᠋ᠥᠩᠰᠢᠭᠤᠷ ᠲᠦᠬᠦᠷᠢᠭ ᠵᠠᠷᠤᠴᠠᠭᠤᠯᠵᠤ᠂ 20 ᠶᠡᠭᠡ ᠡᠪᠡᠳᠴᠢᠨ ᠢ ᠮᠠᠯᠵᠢᠬᠤ | ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠠᠭᠠᠳᠬᠠᠯ ᠤᠨ ᠭᠥᠷᠢᠶᠡᠨ ᠳᠤ ᠪᠠᠭᠳᠠᠭᠠᠵᠤ᠂ ᠰᠢᠨ᠎ᠠ ᠮᠠᠶ᠋ᠢᠭ ᠤᠨ ᠬᠤᠷᠰᠢᠭᠰᠠᠨ | ᠡᠮᠨᠡᠯᠬᠡ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠬᠤᠳᠠ ᠶᠢᠨ ᠱᠠᠳᠣᠨ ᠤ ᠲᠥᠯᠥᠪᠵᠢᠬᠦᠯᠭᠡ ᠶᠢ ᠪᠡᠶᠡᠯᠡᠬᠦᠯᠪᠡ︔ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠬᠡ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠡᠮ ᠡᠮᠨᠡᠯᠬᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠬᠠᠮᠤᠭ ᠥᠨᠳᠤᠷ ᠪᠠᠷᠢᠮᠵᠢᠶ᠎ᠠ ᠶᠢ ᠳᠡᠭᠡᠭᠰᠢᠯᠡᠬᠦᠯᠥᠬᠡᠳ 20 ᠲᠥᠮᠡᠨ ᠲᠦᠬᠦᠷᠢᠭ ᠲᠤ ᠬᠦᠷᠬᠡᠪᠠ᠃ | ᠰᠤᠷᠭᠠᠨ ᠬᠦᠮᠥᠵᠢᠯ ᠤᠨ ᠥᠢᠯᠡᠰ ᠲᠤ 3.12 ᠳ᠋ᠥᠩᠰᠢᠭᠤᠷ ᠲᠦᠬᠦᠷᠢᠭ ᠵᠠᠷᠤᠴᠠᠭᠤᠯᠤᠨ ᠪᠡᠯᠡ ᠣᠷᠣᠭᠤᠯᠣᠯᠳᠠ ᠶᠢ ᠥᠷᠬᠦᠯᠵᠢᠯᠡᠨ ᠨᠡᠮᠡᠭᠳᠡᠭᠦᠯᠵᠣ᠂ ᠵᠢᠭᠠᠨ | ᠰᠣᠷᠭᠠᠬᠤ ᠤᠷᠴᠢᠨ ᠢ ᠲᠠᠰᠤᠷᠠᠯᠳᠠ ᠥᠬᠡᠢ ᠰᠠᠶᠢᠵᠢᠷᠠᠭᠤᠯᠪᠠ᠃ ︽ᠪᠠᠭᠠᠴᠤᠳ ᠬᠡᠤᠬᠡᠳ ᠤᠨ ᠰᠢᠮ᠎ᠠ ᠲᠡᠵᠢᠬᠡᠯᠲᠤ ᠥᠷᠯᠥᠬᠡᠨ ᠤ ᠬᠤᠭᠤᠯᠠ —— ᠥᠨᠳᠡᠭᠡ | ᠰᠥᠨ ᠤ ᠢᠨᠵᠧᠨᠧᠷᠢᠩ︾ ᠤᠨ ᠪᠦᠷᠬᠦᠴᠡ ᠶᠢ ᠥᠷᠭᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠪᠠᠭᠰᠢ ᠨᠠᠷ ᠤᠨ ᠠᠮᠢᠳᠤᠷᠠᠯ ᠤᠨ ᠨᠦᠬᠦᠪᠤᠷᠢ ᠤᠯᠭᠤᠮᠵᠢ ᠶᠢ | ᠪᠦᠬᠦ ᠲᠠᠯ᠎ᠠ ᠪᠠᠷ ᠨᠠᠶᠢᠳᠡᠪᠦᠷᠢᠵᠢᠭᠤᠯᠪᠠ᠃ ᠰᠤᠶᠤᠯ ᠲᠠᠮᠢᠷ ᠪᠤᠯᠤᠨ ᠵᠠᠭᠤᠴᠢᠯᠠᠭᠤᠷ ᠤᠨ ᠥᠢᠯᠡᠰ ᠲᠤ 0.3 ᠳ᠋ᠥᠩᠰᠢᠭᠤᠷ ᠲᠦᠬᠦᠷᠢᠭ ᠵᠠᠷᠤᠴᠠᠭᠤᠯᠵᠤ᠂ ᠵᠠᠰᠠᠭ ᠤᠨ | ᠤᠷᠳᠤᠨ ᠠᠴᠠ ᠪᠡᠯᠡ ᠤᠷᠤᠭᠤᠯᠤᠭᠰᠠᠨ ᠰᠤᠶᠤᠯ ᠲᠠᠮᠢᠷ ᠤᠨ ᠡᠯ᠎ᠡ ᠵᠣᠶᠢᠯ ᠤᠨ ᠲᠤᠨᠤᠭ ᠲᠦᠬᠦᠭᠡᠷᠤᠮᠵᠢ ᠶᠢ ᠪᠦᠬᠦᠨ ᠢ ᠲᠦᠯᠦᠪᠦᠷᠢ ᠥᠬᠡᠢ ᠭᠡᠷᠡᠭᠯᠡᠭᠦᠯᠪᠡ᠃ | ᠬᠤᠳᠠ ᠭᠥᠳᠡᠭᠡ ᠶᠢᠨ ᠥᠨᠳᠤᠰᠤᠨ ᠱᠠᠳᠤᠨ ᠤ ᠰᠤᠶᠤᠯ ᠤᠨ ᠥᠢᠯᠡᠴᠢᠯᠡᠭᠡᠨ ᠤ ᠲᠥᠪ ᠢ 4 ᠪᠠᠶᠢᠭᠤᠯᠵᠤ᠂ ᠰᠤᠶᠤᠯ ᠤᠨ ᠮᠡᠳᠡᠭᠡ ᠵᠠᠩᠬᠢ ᠶᠢᠨ ᠡᠬᠢ ᠰᠤᠷᠪᠤᠯᠵᠢ | ᠶᠢᠨ ᠥᠢᠯᠡᠴᠢᠯᠡᠭᠡ ᠶᠢᠨ ᠪᠦᠬᠦ ᠪᠦᠷᠬᠦᠴᠡ ᠶᠢ ᠪᠡᠶᠡᠯᠡᠬᠦᠯᠪᠡ᠃ ᠪᠠᠲᠤᠯᠠᠭ᠎ᠠ ᠶᠢᠨ ᠤᠷᠤᠨ ᠰᠠᠭᠤᠴᠠ ᠶᠢᠨ ᠪᠠᠶᠢᠭᠤᠯᠤᠯᠳᠠ ᠳᠤ 0.41 ᠳ᠋ᠥᠩᠰᠢᠭᠤᠷ ᠲᠦᠬᠦᠷᠢᠭ | ᠵᠠᠷᠤᠴᠠᠭᠤᠯᠵᠤ᠂ 1322 ᠲᠦᠬᠦᠷ ᠤᠷᠤᠨ ᠰᠠᠭᠤᠴᠠ ᠲᠡᠮᠵᠢᠨ ᠪᠠᠶᠢᠭᠤᠯᠪᠠ᠃ ᠮᠠᠯᠵᠢᠬᠤ ᠲᠠᠷᠢᠶᠠᠯᠠᠬᠤ ᠤᠷᠤᠨ ᠤ 200 ᠡᠷᠥᠬᠡ ᠶᠢᠨ ᠨᠤᠷᠠᠬᠤ ᠠᠶᠥᠯ ᠲᠠᠢ ᠭᠡᠷ | ᠪᠠᠶᠢᠰᠢᠩ ᠢ ᠥᠭᠡᠷᠡᠴᠢᠯᠡᠨ ᠵᠠᠰᠠᠪᠠ᠃ ᠲᠠᠷᠢᠶᠠᠯᠠᠩ ᠤᠢ ᠤᠰᠤᠨ ᠶᠠᠪᠤᠳᠠᠯ ᠤᠨ ᠥᠢᠯᠡᠰ ᠲᠤ 8.34 ᠳ᠋ᠥᠩᠰᠢᠭᠤᠷ ᠲᠦᠬᠦᠷᠢᠭ ᠵᠠᠷᠤᠴᠠᠭᠤᠯᠵᠤ᠂ ᠠᠮᠤ ᠪᠤᠳᠠᠭᠠᠨ | ᠤ ᠰᠢᠭᠤᠳ ᠨᠦᠬᠦᠪᠤᠷᠢ 85 ᠲᠥᠮᠡᠨ ᠲᠦᠬᠦᠷᠢᠭ᠂ ᠲᠠᠷᠢᠶᠠᠯᠠᠩ ᠤᠨ ᠡᠳ᠋ ᠪᠤᠳᠠᠰ ᠤᠨ ᠶᠡᠷᠤᠩᠬᠡᠶᠢᠯᠡᠭᠰᠡᠨ ᠨᠥᠭᠦᠪᠥᠷᠢ 1407 ᠲᠥᠮᠡᠨ ᠲᠥᠭᠦᠷᠢᠭ᠂ ᠪᠠᠶᠢᠭᠠᠯᠢ | ᠶᠢᠨ ᠤᠢ ᠬᠠᠮᠠᠭᠠᠯᠠᠬᠤ ᠢᠨᠵᠧᠨᠧᠷᠢᠩ ᠤᠨ ᠪᠡᠯᠡ ᠮᠥᠩᠬᠦ 1801 ᠲᠥᠮᠡᠨ ᠲᠦᠬᠦᠷᠢᠭ᠂ ᠤᠢ ᠰᠢᠭᠤᠢ ᠠᠮᠢ ᠠᠬᠤᠢ ᠶᠢᠨ ᠥᠷ᠎ᠡ ᠠᠰᠢᠭ ᠤᠨ ᠨᠦᠬᠦᠪᠤᠷᠢ ᠰᠠᠭᠤᠷᠢ | ᠮᠥᠩᠬᠦ 1258.76 ᠲᠥᠮᠡᠨ ᠲᠦᠬᠦᠷᠢᠭ᠂ ᠨᠤᠳᠤᠭ ᠪᠠᠯᠴᠢᠬᠡᠷ ᠤᠨ ᠠᠮᠢ ᠠᠬᠤᠢ ᠶᠢᠨ ᠨᠦᠬᠦᠪᠤᠷᠢ ᠱᠠᠩᠨᠠᠯ ᠤᠨ ᠮᠦᠩᠬᠦ 7863.19 ᠲᠦᠮᠡᠨ | ᠲᠦᠬᠦᠷᠢᠭ᠂ ᠴᠢᠨᠠᠷ ᠰᠠᠶᠢᠳᠠᠢ ᠲᠡᠵᠢᠭᠡᠯ ᠡᠪᠡᠰᠦ ᠲᠠᠷᠢᠬᠤ ᠨᠦᠬᠦᠪᠤᠷᠢ ᠮᠥᠩᠬᠦ 1559.1 ᠲᠥᠮᠡᠨ ᠲᠦᠬᠦᠷᠢᠭ᠂ ᠳᠠᠷᠢᠶᠠᠯᠠᠩ ᠤᠨ ᠮᠠᠰᠢᠨ ᠤ ᠨᠥᠭᠦᠪᠥᠷᠢ ᠮᠥᠩᠭᠦ | 688.07 ᠲᠥᠮᠡᠨ ᠲᠥᠭᠦᠷᠢᠭ ᠲᠠᠯᠪᠢᠵᠣ᠂ ᠰᠢᠯᠵᠢᠭᠰᠡᠨ ᠮᠠᠯᠴᠢᠨ ᠲᠠᠷᠢᠶᠠᠴᠢᠳ ᠲᠤ 12235.62 ᠲᠥᠮᠡᠨ ᠲᠦᠬᠦᠷᠢᠭ ᠠᠮᠢᠳᠤᠷᠠᠯ ᠤᠨ ᠨᠦᠬᠦᠪᠤᠷᠢ ᠮᠥᠩᠬᠦ | ᠣᠯᠭᠤᠵᠣ᠂ 4 ᠰᠠᠭᠤᠷᠢ ᠲᠥᠭᠡᠭᠡᠯ ᠤᠰᠤᠨ ᠤ ᠢᠨᠵᠧᠨᠧᠷᠢᠩ ᠰᠢᠨ᠎ᠠ ᠪᠠᠷ ᠪᠠᠶᠢᠭᠤᠯᠵᠤ᠂ 2500 ᠬᠦᠮᠥᠨ ᠤ ᠤᠰᠤ ᠣᠮᠳᠠ ᠶᠢᠨ ᠭᠥᠴᠢᠷᠳᠡᠯ ᠢ ᠰᠢᠢᠳᠪᠤᠷᠢᠯᠡᠪᠡ | ᠃《 ᠨᠢᠭᠡ ᠬᠡᠷᠡᠭ ᠢ ᠨᠢᠭᠡ ᠵᠥᠪᠯᠡᠬᠦ 》ᠱᠠᠩᠨᠠᠨ ᠨᠥᠭᠦᠪᠥᠷᠢᠯᠡᠬᠦ 23 ᠲᠥᠷᠥᠯ ᠵᠥᠢᠯ ᠢ ᠲᠡᠮᠡᠴᠡᠨ ᠤᠯᠵᠤ᠂ 20 ᠶᠢ ᠨᠢ ᠪᠥᠲᠥᠬᠡᠨ ᠪᠠᠶᠢᠭᠤᠯᠵᠣ᠂ | 625 ᠲᠥᠮᠡᠨ ᠲᠦᠬᠦᠷᠢᠭ ᠱᠠᠩᠨᠡᠨ ᠨᠦᠬᠦᠪᠦᠷᠢᠯᠡᠵᠣ᠂ ᠮᠠᠯᠵᠢᠬᠤ ᠲᠠᠷᠢᠶᠠᠯᠠᠬᠤ ᠣᠷᠣᠨ ᠤ ᠣᠶᠢᠯᠠᠳᠪᠦᠷᠢᠯᠠᠯ ᠠᠮᠢᠳᠣᠷᠠᠯ ᠤᠨ ᠨᠦᠭᠦᠴᠡᠯ ᠢ ᠣᠯᠠᠮ | ᠰᠠᠶᠢᠵᠢᠷᠠᠭᠤᠯᠪᠠ᠃ | ︵ᠭᠤᠷᠪᠠ︶ ᠡᠳ᠋ ᠤᠨ ᠵᠠᠰᠠᠭ ᠤᠨ ᠳᠤᠭᠳᠠᠴᠠ ᠶᠢᠨ ᠦᠬᠡᠷᠡᠴᠢᠯᠠᠯᠳᠠ ᠬᠦᠨᠵᠡᠬᠡᠢ ᠠᠬᠢᠪᠠ᠃ ᠨᠢᠭᠡ ᠳᠤ᠂ ᠲᠦᠰᠦᠪ ᠤᠨ ᠬᠠᠮᠢᠶᠠᠷᠤᠯᠳᠠ ᠶᠢᠨ | ᠦᠬᠡᠷᠡᠴᠢᠯᠠᠯᠳᠠ ᠶᠢ ᠬᠦᠨᠵᠡᠭᠡᠶᠢᠷᠡᠬᠦᠯᠪᠡ᠃ ᠲᠦᠰᠤᠪ ᠤᠨ ᠳᠤᠭᠤᠷᠪᠢᠯᠠᠯᠳᠠ ᠶᠢ ᠨᠠᠷᠢᠯᠢᠭᠵᠢᠭᠤᠯᠵᠤ᠂ ᠰᠢᠨᠵᠢᠯᠡᠬᠦ ᠤᠬᠠᠭᠠᠨᠴᠢ ᠲᠥᠰᠥᠪ ᠤᠨ ᠨᠤᠷᠮᠠᠴᠢᠯᠠᠯᠳᠠ ᠶᠢ | ᠲᠡᠬᠦᠯᠳᠡᠷᠵᠢᠬᠦᠯᠥᠨ᠂ ᠲᠥᠰᠥᠪ ᠤᠨ ᠲᠤᠭᠤᠷᠪᠢᠯᠠᠯᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠤ᠂ ︽ᠤᠷᠢᠳ ᠢᠶᠠᠷ ᠲᠥᠰᠥᠪᠯᠡᠵᠤ᠂ ᠲᠠᠷᠠᠭ᠎ᠠ ᠨᠢ ᠵᠠᠷᠤᠬᠤ᠂ | ᠲᠥᠰᠥᠪ ᠶᠤᠰᠤ ᠪᠠᠷ ᠭᠡᠷᠡᠭᠯᠡᠭᠦ︾ ᠵᠠᠷᠴᠢᠮ ᠢ ᠴᠢᠩᠭ᠎ᠠ ᠬᠡᠷᠡᠭᠵᠢᠬᠦᠯᠥᠨ᠂ ᠲᠥᠰᠥᠪ ᠤᠨ ᠵᠠᠷᠤᠯᠭ᠎ᠠ ᠶᠢᠨ ᠡᠷᠬᠡ ᠬᠦᠨᠳᠤᠳᠤ ᠴᠢᠨᠠᠷ᠂ ᠬᠢᠵᠠᠭᠠᠷᠯᠠᠯᠳᠤ ᠴᠢᠨᠠᠷ᠂ | ᠪᠥᠲᠥᠮᠵᠢᠳᠤ ᠴᠢᠨᠠᠷ ᠪᠠ ᠠᠮᠤᠷ ᠲᠥᠪᠰᠢᠨ ᠴᠢᠨᠠᠷ ᠢ ᠳᠡᠭᠡᠭᠰᠢᠯᠡᠬᠦᠯᠪᠡ᠃ ᠬᠤᠶᠠᠷ ᠲᠤ᠂ ᠤᠯᠤᠰ ᠤᠨ ᠬᠦᠮᠥᠷᠭᠡ ᠠᠴᠠ ᠲᠥᠪᠯᠡᠷᠡᠬᠦᠯᠥᠨ ᠥᠭᠬᠦ ᠥᠭᠡᠷᠡᠴᠢᠯᠡᠯᠲᠡ | ᠶᠢ ᠳᠡᠬᠦᠯᠳᠡᠷᠵᠢᠬᠦᠯᠪᠡ᠃ ᠤᠯᠤᠰ ᠤᠨ ᠬᠦᠮᠥᠷᠭᠡ ᠠᠴᠠ ᠲᠥᠪᠯᠡᠷᠡᠬᠦᠯᠥᠨ ᠥᠭᠬᠦ ᠬᠦᠷᠢᠶ᠎ᠡ ᠬᠡᠪᠴᠢᠶ᠎ᠠ ᠶᠢ ᠥᠷᠭᠡᠳᠬᠡᠨ᠂ ᠪᠡᠯᠡ ᠮᠥᠩᠬᠦᠨ ᠤ ᠵᠠᠮ ᠤᠨ | ᠬᠤᠭᠤᠴᠠᠭ᠎ᠠ ᠶᠢ ᠪᠠᠭᠠᠰᠬᠠᠵᠤ᠂ ᠪᠡᠯᠡ ᠮᠥᠩᠬᠦᠨ ᠤ ᠠᠮᠤᠷ ᠲᠥᠪᠰᠢᠨ᠂ ᠥᠨᠳᠤᠷ ᠠᠰᠢᠭᠲᠤ᠂ ᠲᠥᠷᠢᠮᠵᠢᠯᠲᠤ ᠠᠵᠢᠯᠯᠠᠭ᠎ᠠ ᠶᠢ ᠪᠠᠲᠤᠯᠠᠪᠠ᠃ ᠭᠤᠷᠪᠠ ᠳᠤ᠂ | ᠵᠠᠷᠤᠯᠭ᠎ᠠ ᠶᠢᠨ ᠬᠠᠮᠢᠶᠠᠷᠤᠯᠳᠠ ᠶᠢᠨ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠥᠷᠳᠡᠭ ᠢ ᠴᠢᠷᠮᠠᠶᠢᠨ | ᠪᠠᠭᠤᠷᠠᠭᠤᠯᠪᠠ᠃ ᠲᠥᠷᠪᠡ ᠳᠤ᠂ ᠡᠳ᠋ ᠤᠨ ᠵᠠᠰᠠᠭ ᠤᠨ ᠭᠠᠵᠠᠷ ᠤᠨ ᠥᠭᠡᠷᠡᠴᠢᠯᠠᠯᠳᠠ ᠶᠢᠨ ᠠᠵᠢᠯ ᠢ ᠱᠠᠭᠠᠷᠳᠠᠯᠭ᠎ᠠ ᠶᠤᠰᠤ ᠪᠠᠷ ᠪᠡᠶᠡᠯᠡᠬᠦᠯᠵᠤ᠂ ᠪᠠᠯᠭᠠᠰᠤᠨ ᠲᠡᠰ | ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠪᠡ᠃ | ᠲᠠᠪᠤ ᠳᠤ ᠡᠵᠡᠩᠨᠡᠯᠲᠡ ᠶᠢᠨ ᠭᠠᠶᠢᠯᠢ ᠶᠢ ᠥᠷᠳᠡᠭ ᠤᠨ ᠨᠡᠮᠡᠭᠳᠡᠯ ᠭᠠᠶᠢᠯᠢ ᠪᠤᠯᠭᠠᠨ ᠥᠭᠡᠷᠡᠴᠢᠯᠠᠬᠦ ᠲᠤᠷᠰᠢᠯᠳᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ᠂ | ᠥᠭᠡᠷᠡᠴᠢᠯᠡᠯᠲᠡ ᠶᠢᠨ ᠭᠠᠵᠠᠷ ᠤᠷᠤᠨ ᠤ ᠭᠤᠤᠯᠯᠠᠬᠤ ᠭᠠᠶᠢᠯᠢ ᠳᠤ ᠥᠵᠡᠬᠦᠯᠥᠭᠰᠡᠨ ᠨᠥᠯᠥᠬᠡ ᠶᠢ ᠬᠦᠨᠵᠡᠬᠡᠢ ᠵᠠᠳᠠᠯᠤᠨ᠂ ᠬᠡᠷᠡᠭᠯᠡᠬᠡᠨ ᠤ ᠭᠠᠶᠢᠯᠢ᠂ ᠡᠬᠢ ᠪᠠᠶᠠᠯᠢᠭ | ᠤᠨ ᠭᠠᠶᠢᠯᠢ ᠶᠢᠨ ᠥᠭᠡᠷᠡᠴᠢᠯᠠᠯᠳᠠ ᠶᠢᠨ ᠡᠮᠤᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠳᠠ ᠪᠠ ᠲᠥᠰᠥᠭᠡᠯᠡᠨ ᠪᠤᠳᠤᠯᠳᠠ ᠶᠢᠨ ᠠᠵᠢᠯ ᠢ ᠢᠳᠡᠪᠬᠢᠲᠡᠢ | ᠠᠬᠢᠭᠤᠯᠪᠠ᠃ | ︵ᠲᠦᠷᠪᠠ︶ ᠡᠳ᠋ ᠤᠨ ᠵᠠᠰᠠᠭ ᠤᠨ ᠬᠢᠨᠠᠯᠳᠠ ᠬᠠᠮᠢᠶᠠᠷᠤᠯᠳᠠ ᠶᠢᠨ ᠲᠦᠪᠰᠢᠨ ᠲᠠᠰᠤᠷᠠᠯᠳᠠ ᠥᠬᠡᠢ ᠳᠡᠭᠡᠭᠰᠢᠯᠡᠪᠡ᠃ ᠨᠢᠭᠡ ᠳᠤ᠂ ᠡᠳ᠋ ᠤᠨ ᠵᠠᠰᠠᠭ ᠤᠨ | ᠲᠤᠰᠬᠠᠢ ᠲᠠᠩᠰᠠ ᠡᠷᠥᠬᠡ ᠶᠢᠨ ᠴᠡᠭᠴᠡᠯᠡᠯᠲᠡ ᠶᠢᠨ ᠠᠵᠢᠯ ᠢ ᠯᠠᠪᠳᠠᠭᠤᠨ ᠬᠢᠪᠠ᠃ ᠡᠳ᠋ ᠤᠨ ᠵᠠᠰᠠᠭ ᠤᠨ 14 ᠲᠤᠰᠬᠠᠢ ᠲᠠᠩᠰᠡ ᠡᠷᠥᠬᠡ ᠶᠢ ᠦᠭᠡᠶᠢᠰᠬᠡᠵᠤ᠂ 12 | ᠲᠣᠰᠬᠠᠢ ᠲᠠᠩᠰᠡ ᠡᠷᠦᠬᠡ ᠥᠯᠡᠳᠡᠭᠡᠨ᠂ ᠥᠯᠡᠳᠡᠭᠡᠭᠰᠡᠨ ᠲᠤᠰᠬᠠᠢ ᠲᠠᠩᠰᠡ ᠡᠷᠥᠬᠡ ᠳᠤ ᠰᠢᠰᠲ᠋ᠧᠮᠴᠢᠯᠡᠭᠰᠡᠨ ᠨᠢᠭᠡᠳᠤᠯᠲᠡᠢ ᠬᠠᠮᠢᠶᠠᠷᠤᠯᠳᠠ ᠶᠢ ᠬᠡᠷᠡᠭᠵᠢᠬᠦᠯᠵᠤ᠂ | ᠲᠤᠰᠬᠠᠢ ᠳᠠᠩᠰᠠ ᠡᠷᠥᠬᠡ ᠶᠢᠨ ᠬᠠᠮᠢᠶᠠᠷᠤᠯᠳᠠ ᠶᠢᠨ ᠲᠥᠷᠢᠮᠵᠢᠯ ᠪᠠ ᠴᠤᠮᠬᠠᠳᠬᠠᠯ ᠢ ᠪᠡᠶᠡᠯᠡᠬᠦᠯᠪᠡ᠃ ᠬᠤᠶᠠᠷ ᠲᠤ᠂ ︽ᠤᠲᠤᠭ ᠤᠨ ᠡᠮᠤᠨᠡᠲᠤ ᠬᠤᠰᠢᠭᠤᠨ ᠤ | ᠡᠳ᠋ ᠤᠨ ᠵᠠᠰᠠᠭ ᠤᠨ ᠪᠡᠯᠡ ᠮᠥᠩᠬᠦᠨ ᠤ ᠠᠵᠢᠯᠯᠠᠭ᠎ᠠ ᠶᠢᠨ ᠬᠢᠨᠠᠨ ᠬᠠᠮᠢᠶᠠᠷᠠᠬᠤ ︵ᠲᠥᠷ ᠬᠡᠷᠡᠭᠵᠢᠬᠦᠯᠬᠦ︶ ᠠᠷᠭ᠎ᠠ︾ ᠲᠤᠭᠳᠠᠭᠠᠵᠤ᠂ ᠡᠳ᠋ ᠤᠨ ᠵᠠᠰᠠᠭ ᠤᠨ ᠬᠢᠨᠠᠨ | ᠪᠠᠶᠢᠴᠠᠭᠠᠬᠤ ᠲᠤᠪᠴᠢᠶ᠎ᠠ ᠲᠤᠬᠢᠷᠠᠭᠤᠯᠵᠤ᠂ ᠪᠡᠯᠡ ᠮᠥᠩᠬᠦᠨ ᠳᠤ ᠤᠷᠢᠳ ᠢᠶᠠᠷ ᠬᠢᠨᠠᠨ ᠬᠠᠷᠭᠤᠭᠤᠯᠳᠠ ᠬᠢᠬᠦ᠂ ᠬᠡᠷᠡᠭᠯᠡᠯᠳᠠ ᠶᠢᠨ ᠶᠠᠪᠤᠴᠠ ᠳᠤ ᠮᠦᠷᠳᠡᠨ | ᠬᠠᠮᠢᠶᠠᠷᠬᠤ᠂ ᠤᠷᠤᠨᠵᠢᠭᠰᠡᠨ ᠤ ᠬᠤᠶᠢᠨ᠎ᠠ ᠦᠷ᠎ᠠ ᠠᠰᠢᠭ ᠢ ᠯᠠᠪᠯᠠᠬᠤ ᠪᠦᠬᠦ ᠲᠠᠯ᠎ᠠ ᠶᠢᠨ ᠬᠢᠨᠠᠨ ᠡᠵᠡᠮᠰᠢᠯᠳᠠ ᠬᠢᠵᠤ᠂ ᠪᠡᠯᠡ ᠮᠥᠩᠬᠦᠨ ᠤ ᠲᠥᠷᠢᠮᠵᠢᠯᠲᠤ | ᠴᠢᠨᠠᠷ᠂ ᠠᠮᠤᠷ ᠲᠥᠪᠰᠢᠨ ᠴᠢᠨᠠᠷ ᠪᠤᠯᠤᠨ ᠪᠥᠲᠥᠮᠵᠢᠲᠤ ᠴᠢᠨᠠᠷ ᠢ ᠪᠠᠳᠤᠯᠠᠪᠠ᠃ ᠭᠤᠷᠪᠠ ᠳᠤ᠂ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡᠨ ᠳᠤ ᠪᠦᠬᠦ | ᠲᠠᠯ᠎ᠠ ᠶᠢᠨ ᠨᠠᠷᠢᠯᠢᠭ ᠬᠠᠷᠭᠤᠭᠤᠯᠳᠠ ᠬᠢᠵᠤ᠂ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡ ᠶᠢᠨ ᠰᠠᠭᠤᠷᠢ ᠲᠤᠭ᠎ᠠ ᠶᠢ ᠲᠣᠳᠣᠷᠬᠠᠶᠢᠯᠡᠪᠠ᠃ ︽ᠤᠲᠤᠭ | ᠤᠨ ᠡᠮᠤᠨᠡᠲᠤ ᠬᠤᠰᠢᠭᠤᠨ ᠤ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡ ᠶᠢᠨ ᠬᠠᠮᠢᠶᠠᠷᠤᠯᠳᠠ ︵ᠲᠥᠷ ᠬᠡᠷᠡᠭᠵᠢᠬᠦᠯᠬᠦ︶ ᠶᠢᠨ ᠠᠷᠭ᠎ᠠ ︾᠂ ︽ᠤᠲᠤᠭ | ᠤᠨ ᠡᠮᠤᠨᠡᠲᠤ ᠬᠤᠰᠢᠭᠤᠨ ᠤ ᠵᠠᠰᠠᠭ ᠤᠨ ᠤᠷᠳᠤᠨ ᠤ ᠴᠢᠨᠠᠷ ᠲᠠᠢ ᠥᠷᠢ ᠥᠭᠴᠡᠭᠡ ᠶᠢ ᠰᠢᠢᠳᠪᠤᠷᠢᠯᠡᠬᠦ ᠲᠥᠰᠥᠯ︾ ᠲᠤᠭᠳᠠᠭᠠᠵᠤ᠂ ᠵᠠᠰᠠᠭ ᠤᠨ ᠤᠷᠳᠤᠨ ᠤ | ᠴᠢᠨᠠᠷᠲᠡᠢ ᠥᠷᠢ ᠥᠭᠴᠡᠭᠡᠨ ᠤ ᠲᠥᠷᠢᠮᠵᠢᠭᠰᠡᠨ ᠬᠠᠮᠢᠶᠠᠷᠤᠯᠳᠠ ᠶᠢ ᠪᠡᠶᠡᠯᠡᠬᠦᠯᠪᠡ᠃ ᠵᠠᠰᠠᠭ ᠤᠨ ᠤᠷᠳᠤᠨ ᠤ ᠴᠢᠨᠠᠷ ᠲᠠᠢ ᠥᠷᠢ ᠦᠭᠴᠡᠭᠡ ᠶᠢ 12.36 | ᠳ᠋ᠦᠩᠰᠢᠭᠤᠷ ᠲᠦᠬᠦᠷᠢᠭ ᠰᠢᠢᠤᠨᠪᠤᠷᠢᠯᠡᠵᠤ᠂ ᠦᠷᠢ ᠦᠭᠴᠡᠭᠡ ᠶᠢᠨ ᠶᠡᠷᠤᠩᠬᠡᠢ ᠳᠤᠭ᠎ᠠ ᠶᠢ 29.6% ᠪᠠᠭᠠᠰᠬᠠᠵᠤ᠂ ᠬᠤᠳᠠ ᠠᠴᠠ ᠳᠤᠭᠳᠠᠭᠠᠭᠰᠡᠨ ᠦᠷᠢ | ᠦᠭᠴᠡᠭᠡ ᠢ ᠰᠢᠢᠤᠨᠪᠤᠷᠢᠯᠡᠬᠦ ᠡᠬᠦᠷᠬᠡ ᠪᠠᠨ 100% ᠪᠠᠷ ᠪᠡᠶᠡᠯᠡᠬᠦᠯᠪᠠ᠃ ᠲᠦᠷᠪᠠ ᠳᠤ᠂ ︽ᠭᠤᠷᠪᠠ ᠶᠢ ᠪᠠᠳᠤᠯᠠᠨ᠂ ᠬᠤᠶᠠᠷ ᠢ ᠪᠠᠭᠠᠰᠬᠠᠬᠤ︾ ᠱᠠᠭᠠᠷᠳᠠᠯᠭ᠎ᠠ | ᠶᠤᠰᠤ ᠪᠠᠷ᠂ ︽ᠭᠤᠷᠪᠠᠨ ᠠᠯᠪᠠᠨ ᠤ ᠵᠠᠷᠤᠳᠠᠯ︾ ᠢ ᠶᠡᠭᠡ ᠪᠠᠷ ᠪᠠᠭᠠᠰᠬᠠᠵᠤ᠂ ︽ᠭᠤᠷᠪᠠᠨ ᠠᠯᠪᠠᠨ︾ ᠤ ᠵᠠᠷᠤᠳᠠᠯ ᠪᠠ ᠶᠡᠷᠤ ᠶᠢᠨ ᠴᠢᠨᠠᠷ ᠲᠠᠢ | ᠵᠠᠷᠤᠯᠭ᠎ᠠ ᠶᠢ ᠲᠤᠰᠪᠤᠷᠢ 35.29% ᠪᠠ 5.56% ᠪᠠᠭᠠᠰᠬᠠᠵᠤ᠂ ᠬᠢᠵᠠᠭᠠᠷᠳᠠᠢ ᠡᠳ᠋ ᠤᠨ ᠵᠠᠰᠠᠭ ᠤᠨ ᠪᠡᠯᠡ ᠮᠦᠩᠬᠦ ᠶᠢ ᠥᠨᠡᠨ ᠭᠦ ᠪᠤᠳᠠᠳᠤ ᠭᠠᠵᠠᠷ ᠲᠤ ᠨᠢ | ᠬᠡᠷᠡᠭᠯᠡᠵᠤ᠂ ᠪᠤᠳᠠᠳᠤ ᠤᠶᠢᠯᠡᠳᠤᠯ ᠢ ᠳᠤᠪᠤᠶᠢᠮ᠎ᠠ ᠪᠠᠳᠠᠷᠠᠭᠤᠯᠪᠠ᠃ | ᠠᠮᠵᠢᠯᠲᠡ ᠪᠠᠨ ᠨᠤᠳᠠᠯᠠᠬᠤ ᠶᠢᠨ ᠬᠠᠮᠲᠤ᠂ ᠪᠢᠲᠡ ᠪᠠᠰᠠ ᠤᠳᠤᠬᠠᠨ ᠤ ᠡᠳ᠋ ᠤᠨ ᠵᠠᠰᠠᠭ ᠤᠨ ᠠᠵᠢᠯ ᠲᠤᠮᠳᠠ ᠤᠷᠤᠰᠢᠵᠤ ᠪᠠᠶᠢᠭ᠎ᠠ ᠬᠦᠴᠢᠷᠳᠠᠯ ᠪᠠ | ᠠᠰᠠᠭᠤᠳᠠᠯ ᠢᠶᠠᠨ ᠰᠡᠷᠭᠡᠭ ᠢᠶᠠᠷ ᠳᠠᠨᠢᠬᠤ ᠬᠡᠷᠡᠭᠲᠡᠢ᠄ ᠡᠳ᠋ ᠤᠨ ᠢᠷᠠᠯᠳᠠ ᠶᠢᠨ ᠪᠦᠳᠤᠴᠠ ᠰᠢᠯᠢᠳᠡᠭ ᠪᠤᠰᠤ᠂ ᠳᠤᠳᠤᠭᠠᠳᠤ ᠬᠦᠳᠡᠯᠬᠡᠭᠴᠢ ᠬᠦᠴᠤᠨ ᠬᠦᠢᠴᠡᠤᠨ | ᠪᠤᠰᠤ᠂ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠬᠦᠴᠤᠨ ᠪᠠᠭᠤᠷᠠᠢ ᠠᠰᠠᠭᠤᠳᠠᠯ ᠮᠦᠨ ᠬᠦ ᠤᠷᠤᠰᠢᠵᠤ᠂ ᠡᠳ᠋ ᠤᠨ ᠵᠠᠰᠠᠭ ᠤᠨ ᠤᠷᠤᠯᠭ᠎ᠠ ᠶᠢ | ᠦᠷᠬᠦᠯᠵᠢᠯᠠᠨ ᠳᠤᠭᠳᠠᠭᠤᠨ ᠢᠶᠠᠷ ᠨᠡᠮᠡᠭᠳᠡᠬᠦᠯᠬᠦ ᠶᠢ ᠪᠠᠳᠤᠯᠠᠬᠤ ᠳᠠᠷᠤᠯᠳᠠ ᠨᠡᠯᠢᠶᠡᠤᠨ ᠶᠡᠭᠡ ᠪᠤᠢ︔ ᠨᠠᠶᠢᠬᠡᠮ ᠤᠨ ᠤᠶᠢᠯᠡᠰ᠂ ᠠᠷᠠᠤᠨ ᠤᠨ ᠠᠮᠢᠳᠤᠷᠠᠯ ᠤᠨ | ᠪᠠᠳᠤᠯᠠᠭ᠎ᠠ ᠵᠡᠷᠬᠡ ᠲᠦᠷᠤ ᠶᠢᠨ ᠪᠤᠳᠤᠯᠭ᠎ᠠ ᠶᠢᠨ ᠴᠢᠨᠠᠷ ᠲᠠᠢ ᠵᠠᠷᠤᠯᠭ᠎ᠠ ᠶᠢᠨ ᠲᠦᠷᠤᠯ ᠵᠦᠢᠯ ᠳᠠᠰᠤᠷᠠᠯᠳᠠ ᠦᠬᠡᠢ ᠨᠡᠮᠡᠭᠳᠡᠵᠤ᠂ ᠬᠤᠳᠠ ᠬᠦᠳᠡᠭᠡ ᠶᠢ ᠨᠢᠬᠡᠳᠤᠯᠳᠠᠢ | ᠲᠦᠯᠤᠪᠵᠢᠬᠦᠯᠬᠦ ᠳᠤᠷᠰᠢᠯᠳᠠ ᠶᠢᠨ ᠴᠡᠭ᠂ ᠭᠤᠤᠯᠳᠠᠯᠭᠠᠳᠤ ᠲᠦᠷᠤᠯ ᠵᠦᠢᠯ ᠤᠨ ᠦᠷᠬᠦᠯᠵᠢᠯᠠᠯ ᠪᠠᠶᠢᠭᠤᠯᠤᠯᠳᠠ ᠳᠤ ᠬᠡᠷᠡᠭᠰᠡᠬᠦ ᠪᠡᠯᠡ ᠮᠦᠩᠬᠦ ᠶᠡᠭᠡ᠂ ᠡᠳ᠋ ᠤᠨ | ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠳᠤᠩ ᠬᠤᠷᠴᠠ ᠪᠤᠢ ︔ ᠡᠳ᠋ ᠤᠨ ᠵᠠᠰᠠᠭ ᠤᠨ ᠬᠠᠮᠢᠶᠠᠷᠤᠯᠳᠠ ᠶᠢᠨ ᠰᠠᠭᠤᠷᠢ ᠠᠵᠢᠯ ᠢ ᠤᠯᠠᠮ ᠴᠢᠩᠭᠠᠤᠨᠬᠠᠵᠤ᠂ | ᠡᠳ᠋ ᠤᠨ ᠵᠠᠰᠠᠭ ᠤᠨ ᠪᠡᠯᠡ ᠮᠦᠩᠬᠦ ᠶᠢᠨ ᠬᠠᠮᠢᠶᠠᠷᠤᠯᠳᠠ ᠶᠢᠨ ᠪᠦᠳᠤᠮᠵᠢ ᠶᠢ ᠤᠯᠠᠮ ᠨᠢᠬᠡ ᠠᠯᠬᠤᠮ ᠳᠡᠬᠡᠭᠰᠢᠯᠡᠬᠦᠯᠬᠦ ᠴᠢᠬᠤᠯᠠ ᠲᠠᠢ ᠪᠤᠢ︔ ᠤᠷᠤᠨ ᠨᠤᠳᠤᠭ | ᠤᠨ ᠵᠠᠰᠠᠭ ᠤᠨ ᠤᠷᠳᠤᠨ ᠤ ᠴᠢᠨᠠᠷ ᠲᠠᠢ ᠦᠷᠢ ᠦᠭᠴᠡᠭᠡ ᠶᠢ ᠰᠢᠢᠤᠨᠪᠤᠷᠢᠯᠡᠬᠦ ᠳᠠᠷᠤᠭᠠᠰᠤ ᠶᠡᠭᠡ᠂ ᠡᠳ᠋ ᠤᠨ ᠵᠠᠰᠠᠭ ᠤᠨ ᠳᠠᠯᠳᠠ ᠲᠦᠭᠰᠢᠬᠦᠷᠢ | ᠤᠮᠳᠤᠭᠠᠶᠢᠯᠠᠰᠢ ᠦᠬᠡᠢ ᠪᠤᠢ᠃ ᠡᠳᠡᠬᠡᠷ ᠠᠰᠠᠭᠤᠳᠠᠯ ᠢ ᠪᠢᠳᠠ ᠡᠷᠬᠡᠪᠰᠢ ᠪᠦᠳᠤᠮᠵᠢᠳᠠᠢ ᠠᠷᠭ᠎ᠠ ᠬᠡᠮᠵᠢᠶ᠎ᠠ ᠠᠪᠴᠤ ᠳᠤᠬᠢᠳᠠᠢ ᠰᠢᠢᠤᠨᠪᠤᠷᠢᠯᠡᠬᠦ ᠴᠢᠬᠤᠯᠠ ᠲᠠᠢ | ᠪᠠᠶᠢᠨ᠎ᠠ᠃ | ᠬᠤᠶᠠᠷ᠂ 2014 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠤᠪ ᠤᠨ ᠵᠢᠯᠤᠭᠤᠳᠬᠤ ᠥᠵᠡᠯ ᠰᠠᠨᠠᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ︽ᠬᠤᠳᠠ | ᠬᠦᠳᠡᠭᠡ ᠶᠢ ᠨᠢᠬᠡᠳᠤᠯᠳᠠᠢ ᠲᠦᠯᠤᠪᠵᠢᠬᠦᠯᠤᠨ᠂ ᠡᠷᠴᠢᠮᠵᠢᠬᠦᠯᠤᠨ ᠬᠦᠭᠵᠢᠬᠦᠯᠬᠦ︾ ᠬᠠᠷᠠᠯᠳᠠ ᠪᠠᠷ ᠭᠤᠤᠯᠳᠠᠯᠭ᠎ᠠ ᠪᠤᠯᠭᠠᠵᠤ᠂ ᠤᠷᠤᠯᠭ᠎ᠠ ᠪᠠᠨ ᠴᠢᠷᠮᠠᠶᠢᠨ | ᠨᠡᠮᠡᠭᠳᠡᠬᠦᠯᠵᠤ᠂ ᠳᠠᠳᠠᠪᠤᠷᠢᠯᠠᠨ ᠬᠠᠮᠢᠶᠠᠷᠬᠤ ᠪᠠᠨ ᠴᠢᠩᠭᠠᠤᠨᠬᠠᠵᠤ᠂ ᠡᠳ᠋ ᠤᠨ ᠵᠠᠰᠠᠭ ᠤᠨ ᠪᠤᠳᠠᠳᠤ ᠬᠦᠴᠤᠨ ᠢᠶᠠᠨ ᠳᠠᠰᠤᠷᠠᠯᠳᠠ ᠦᠬᠡᠢ ᠳᠡᠬᠡᠭᠰᠢᠯᠡᠬᠦᠯᠤᠨ᠎ᠠ᠃ | ᠪᠦᠳᠤᠴᠠ ᠪᠠᠨ ᠬᠦᠴᠤᠯᠠᠨ ᠰᠢᠯᠢᠳᠡᠭᠵᠢᠬᠦᠯᠵᠤ᠂ ᠨᠢᠬᠡᠳᠤᠯᠳᠠᠢ ᠳᠤᠬᠢᠷᠠᠭᠤᠯᠤᠨ ᠨᠠᠶᠢᠳᠠ ᠳᠤ ᠨᠢ ᠬᠠᠷᠠᠭᠠᠯᠵᠠᠵᠤ᠂ ᠡᠳ᠋ ᠤᠨ ᠵᠠᠰᠠᠭ ᠤᠨ ᠪᠠᠳᠤᠯᠠᠭ᠎ᠠ ᠶᠢᠨ ᠲᠦᠪᠰᠢᠨ | ᠢ ᠳᠠᠰᠤᠷᠠᠯᠳᠠ ᠦᠬᠡᠢ ᠲᠡᠭᠡᠭᠰᠢᠯᠡᠭᠦᠯᠥᠨ᠂ ︽ᠲᠦᠷᠪᠠ ᠶᠢ ᠪᠠᠳᠤᠯᠠᠨ᠂ ᠬᠤᠶᠠᠷ ᠢ ᠪᠠᠭᠠᠰᠬᠠᠬᠤ︾ ᠶᠢ ᠪᠡᠶᠡᠯᠡᠬᠦᠯᠤᠨ᠎ᠠ︔ ᠦᠬᠡᠷᠡᠴᠢᠯᠠᠯᠳᠠ ᠰᠢᠨᠠᠴᠢᠯᠠᠯᠳᠠ | ᠶᠢ ᠡᠷᠴᠢᠮᠵᠢᠬᠦᠯᠤᠨ᠂ ᠬᠢᠨᠠᠯᠳᠠ ᠬᠠᠮᠢᠶᠠᠷᠤᠯᠳᠠ ᠶᠢ ᠴᠢᠩᠭᠠᠤᠨᠬᠠᠵᠤ᠂ ᠡᠳ᠋ ᠤᠨ ᠵᠠᠰᠠᠭ ᠤᠨ ᠪᠡᠯᠡ ᠮᠦᠩᠬᠦ ᠶᠢᠨ ᠪᠦᠳᠤᠮᠵᠢ ᠶᠢ ᠳᠠᠰᠤᠷᠠᠯᠳᠠ ᠦᠬᠡᠢ | ᠳᠡᠬᠡᠭᠰᠢᠯᠡᠬᠦᠯᠵᠤ᠂ ︽ᠪᠠᠶᠠᠨ ᠳᠠᠩᠰᠤᠭ᠂ ᠪᠤᠯᠪᠠᠰᠤᠨ ᠰᠠᠶᠢᠬᠠᠨ᠂ ᠦᠨᠢᠷ ᠵᠢᠷᠭᠠᠯᠳᠠᠢ᠂ ᠦᠵᠡᠰᠬᠦᠯᠡᠩ ᠳᠡᠬᠦᠯᠳᠡᠷ︾ ᠤᠲᠤᠭ ᠤᠨ ᠡᠮᠤᠨᠡᠲᠤ ᠬᠤᠰᠢᠭᠤᠨ ᠤ | ᠪᠥᠲᠥᠭᠡᠨ ᠪᠠᠶᠢᠭᠤᠯᠤᠯᠳᠠ ᠶᠢ ᠠᠬᠢᠭᠤᠯᠬᠤ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ᠃ | ᠤᠯᠤᠰ ᠠᠷᠠᠤᠨ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠠ ᠤᠯᠤᠰ ᠤᠨ ᠭᠠᠶᠢᠯᠢ ᠶᠢᠨ ᠲᠦᠷᠢᠮ ᠤᠨ ᠦᠬᠡᠷᠡᠴᠢᠯᠠᠯᠳᠠ | ᠶᠢᠨ ᠡᠯᠧᠮᠧᠨ᠋ᠲ ᠢ ᠦᠨᠳᠤᠰᠤᠯᠠᠨ᠂ 2014 ᠤᠨ ᠳᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 17.91 ᠳ᠋ᠦᠩᠰᠢᠭᠤᠷ ᠲᠥᠭᠦᠷᠢᠭ | ᠳᠤᠬᠢᠷᠠᠭᠤᠯᠵᠤ᠂ ᠳᠡᠭᠡᠷ᠎ᠡ ᠵᠢᠯ ᠠᠴᠠ 25.51% ᠪᠠᠷ ᠦᠰᠬᠡᠬᠦ ᠶᠢ ᠰᠠᠨᠠᠭᠠᠴᠢᠯᠠᠨ᠎ᠠ᠃ ᠡᠭᠦᠨ ᠳᠤ᠂ ᠬᠤᠰᠢᠭᠤ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ | ᠤᠨ ᠲᠦᠰᠤᠪ ᠤᠨ ᠤᠷᠤᠯᠭ᠎ᠠ ᠶᠢ 12.83 ᠳ᠋ᠦᠩᠰᠢᠭᠤᠷ ᠲᠦᠬᠦᠷᠢᠭ ︵ᠱᠠᠩᠬᠠᠢ ᠶᠢᠨ ᠰᠦᠮ᠎ᠠ ᠨᠡᠬᠡᠬᠡᠯᠳᠠ ᠶᠢᠨ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ | ᠲᠦᠰᠤᠪ ᠤᠨ ᠤᠷᠤᠯᠭ᠎ᠠ 0.80 ᠳ᠋ᠦᠩᠰᠢᠭᠤᠷ ᠲᠦᠬᠦᠷᠢᠭ ᠢ ᠪᠠᠭᠳᠠᠭᠠᠨ᠎ᠠ︶︔ ᠳᠡᠬᠡᠳᠤ ᠱᠠᠳᠤᠨ ᠤ ᠡᠳ᠋ ᠤᠨ ᠵᠠᠰᠠᠭ ᠤᠨ ᠨᠦᠬᠦᠪᠤᠷᠢ ᠶᠢᠨ ᠤᠷᠤᠯᠭ᠎ᠠ 2.49 | ᠳ᠋ᠦᠩᠰᠢᠭᠤᠷ ᠲᠦᠬᠦᠷᠢᠭ︔ ᠵᠢᠯ ᠤᠨ ᠡᠴᠤᠰ ᠤᠨ ᠬᠤᠷᠠᠮᠳᠤᠯ ᠬᠠᠳᠠᠭᠠᠯᠠᠮᠵᠢ 2.59 ᠳ᠋ᠦᠩᠰᠢᠭᠤᠷ ᠲᠦᠬᠦᠷᠢᠭ᠃ ᠤᠷᠤᠯᠭ᠎ᠠ ᠲᠠᠢ ᠪᠠᠨ ᠳᠤᠬᠢᠷᠠᠯᠴᠠᠭᠤᠯᠤᠨ᠂ | ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 17.91 ᠳ᠋ᠦᠩᠰᠢᠭᠤᠷ ᠲᠥᠭᠦᠷᠢᠭ ᠳᠤᠬᠢᠷᠠᠭᠤᠯᠵᠤ᠂ ᠳᠡᠭᠡᠷ᠎ᠡ ᠵᠢᠯ ᠠᠴᠠ 25. | 51% ᠪᠠᠷ ᠦᠰᠬᠡᠬᠦ ᠶᠢ ᠰᠠᠨᠠᠭᠠᠴᠢᠯᠠᠨ᠎ᠠ᠃ ᠡᠭᠦᠨ ᠳᠤ᠂ ᠬᠤᠰᠢᠭᠤ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠵᠠᠷᠤᠯᠭ᠎ᠠ ᠶᠢ 16. | 67 ᠳ᠋ᠦᠩᠰᠢᠭᠤᠷ ᠲᠦᠬᠦᠷᠢᠭ ᠳᠤᠬᠢᠷᠠᠭᠤᠯᠵᠤ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠶᠢᠳᠠ ᠶᠢᠨ ᠡᠳ᠋ ᠤᠨ ᠵᠠᠰᠠᠭ ᠤᠨ | ᠲᠦᠰᠤᠪ ᠤᠨ ᠵᠠᠷᠤᠯᠭ᠎ᠠ ᠶᠢ 0.8 ᠳ᠋ᠦᠩᠰᠢᠭᠤᠷ ᠲᠦᠬᠦᠷᠢᠭ ᠳᠤᠬᠢᠷᠠᠭᠤᠯᠵᠤ᠂ ᠪᠠᠯᠭᠠᠰᠤᠨ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ | ᠵᠠᠷᠤᠯᠭ᠎ᠠ ᠶᠢ 0.44 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠨ᠎ᠠ︔ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ ᠶᠢᠨ ᠤᠷᠤᠯᠭ᠎ᠠ | ᠵᠠᠷᠤᠯᠭ᠎ᠠ ᠶᠢᠨ ᠲᠦᠰᠤᠪ ᠢ 2.41 ᠳ᠋ᠦᠩᠰᠢᠭᠤᠷ ᠲᠦᠬᠦᠷᠢᠭ ᠳᠤᠬᠢᠷᠠᠭᠤᠯᠵᠤ᠂ ᠳᠡᠬᠡᠷ᠎ᠠ ᠵᠢᠯ ᠠᠴᠠ 89.76% ᠪᠠᠷ ᠨᠡᠮᠡᠭᠳᠡᠬᠦᠯᠬᠦ ᠶᠢ ᠰᠠᠨᠠᠭᠠᠴᠢᠯᠠᠨ᠎ᠠ᠃ | ᠨᠠᠶᠢᠬᠡᠮ ᠤᠨ ᠪᠠᠳᠤᠯᠠᠭ᠎ᠠ ᠶᠢᠨ ᠰᠠᠭᠤᠷᠢ ᠮᠦᠩᠬᠦ ᠶᠢᠨ ᠤᠷᠤᠯᠭ᠎ᠠ ᠭᠠᠷᠤᠯᠭ᠎ᠠ ᠶᠢᠨ ᠲᠦᠰᠤᠪ ᠢ 1.96 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ | ᠳᠡᠬᠡᠷ᠎ᠠ ᠵᠢᠯ ᠲᠠᠢ ᠠᠳᠠᠯᠢ ᠪᠤᠯᠭᠠᠨ᠎ᠠ᠃ | ᠭᠤᠷᠪᠠ᠂ ᠴᠢᠷᠮᠠᠶᠢᠨ ᠳᠡᠮᠡᠴᠡᠵᠤ ᠠᠵᠢᠯ ᠢᠶᠠᠨ ᠰᠢᠨᠡᠴᠢᠯᠠᠨ᠂ 2014 ᠤᠨ ᠤ ᠡᠳ᠋ ᠤᠨ ᠵᠠᠰᠠᠭ ᠤᠨ ᠠᠵᠢᠯ ᠢ ᠪᠦᠬᠦ ᠬᠦᠴᠤᠨ ᠢᠶᠠᠷ ᠠᠬᠢᠭᠤᠯᠤᠨ᠎ᠠ ᠃ | ︵ᠨᠢᠭᠡ︶ ᠬᠦᠭᠵᠢᠯᠳᠠ ᠳᠤ ᠤᠶᠢᠯᠡᠴᠢᠯᠠᠬᠦ ᠶᠢ ᠪᠠᠷᠢᠮᠳᠠᠯᠠᠵᠤ᠂ ᠰᠠᠭᠤᠷᠢ ᠶᠢ ᠬᠦᠴᠤᠯᠡᠨ ᠪᠠᠬᠢᠵᠢᠬᠦᠯᠵᠤ᠂ ᠡᠳ᠋ ᠤᠨ ᠢᠷᠠᠯᠳᠠ ᠪᠠᠨ ᠳᠠᠰᠤᠷᠠᠯᠳᠠ ᠦᠬᠡᠢ | ᠪᠤᠵᠠᠭᠠᠶᠢᠷᠠᠭᠤᠯᠤᠨ᠎ᠠ᠃ ᠡᠳ᠋ ᠤᠨ ᠵᠠᠰᠠᠭ ᠠᠴᠠ ᠠᠵᠤ ᠠᠬᠤᠢ ᠶᠢᠨ ᠬᠦᠭᠵᠢᠯᠳᠠ ᠶᠢ ᠳᠡᠮᠵᠢᠬᠦ ᠰᠠᠭᠤᠷᠢ ᠶᠢ ᠰᠢᠨᠡᠴᠢᠯᠡᠵᠤ᠂ ︽ᠪᠠᠭ᠎ᠠ ᠪᠡᠯᠡ ᠪᠠᠷ ᠦᠨᠳᠤᠷ | ᠪᠦᠳᠤᠮᠵᠢ ᠤᠯᠬᠤ︾ ᠤᠶᠢᠯᠡᠳᠤᠯ ᠢ ᠬᠦᠢᠴᠡᠤᠨ ᠪᠠᠳᠠᠷᠠᠭᠤᠯᠵᠤ᠂ ᠨᠠᠶᠢᠬᠡᠮ ᠤᠨ ᠪᠡᠯᠡ ᠬᠦᠷᠤᠩᠬᠡ ᠶᠢ ᠵᠢᠯᠤᠭᠤᠳᠤᠨ᠂ ᠵᠠᠰᠠᠭ ᠤᠨ ᠤᠷᠳᠤᠨ ᠤ ᠪᠡᠯᠡ | ᠤᠷᠤᠭᠤᠯᠤᠯᠳᠠ ᠳᠤ ᠤᠷᠤᠯᠴᠠᠭᠤᠯᠵᠤ᠂ ᠬᠤᠳᠠ ᠪᠠᠯᠭᠠᠰᠤᠵᠢᠯᠳᠠ᠂ ᠠᠵᠤ ᠤᠶᠢᠯᠡᠤᠨᠪᠤᠷᠢᠵᠢᠯᠳᠠ᠂ ᠠᠮᠢ ᠠᠬᠠᠤᠢ ᠶᠢᠨ ᠪᠠᠶᠢᠭᠤᠯᠤᠯᠳᠠ ᠵᠡᠷᠬᠡ ᠨᠠᠶᠢᠳᠠ ᠶᠢᠨ | ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠳᠤ ᠬᠢ ᠪᠡᠯᠡ ᠤᠷᠤᠭᠤᠯᠤᠯᠳᠠ ᠶᠢᠨ ᠬᠦᠴᠤᠯᠡᠴᠠ ᠪᠠᠨ ᠶᠡᠬᠡᠤᠨᠬᠡᠵᠤ᠂ ᠭᠠᠵᠠᠷ ᠤᠷᠤᠨ ᠤ ᠠᠴᠢᠶᠠᠯᠠᠬᠤ ᠴᠢᠳᠠᠪᠤᠷᠢ | ᠪᠠ ᠤᠶᠢᠯᠡᠴᠢᠯᠡᠬᠡᠨ ᠤ ᠴᠢᠳᠠᠪᠬᠢ ᠶᠢ ᠳᠡᠬᠡᠭᠰᠢᠯᠡᠬᠦᠯᠤᠨ᠎ᠠ᠃ ᠳᠡᠬᠡᠳᠤ ᠱᠠᠳᠤᠨ ᠤ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠪᠠ ᠪᠡᠯᠡ ᠮᠦᠩᠬᠦ ᠶᠢᠨ ᠳᠡᠮᠵᠢᠯᠬᠡ | ᠶᠢ ᠴᠢᠷᠮᠠᠶᠢᠨ ᠤᠯᠵᠤ᠂ ᠪᠤᠬᠢᠷᠳᠤᠯ ᠦᠬᠡᠢ ᠡᠨᠧᠷᠬᠢ᠂ ᠤᠳᠤᠬᠢᠴᠢᠯᠠᠭᠰᠡᠨ ᠨᠡᠭᠦᠷᠡᠰᠤ ᠬᠢᠮᠢ ᠶᠢᠨ ᠠᠵᠤ ᠤᠶᠢᠯᠡᠤᠨᠪᠤᠷᠢ ᠶᠢᠨ ᠤᠶᠢᠯᠡᠰ᠂ ᠤᠳᠤᠬᠢᠴᠢᠯᠠᠭᠰᠡᠨ ᠮᠠᠯ | ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢ ᠭᠤᠤᠯᠳᠠᠯᠭ᠎ᠠ ᠲᠠᠢ ᠳᠡᠮᠵᠢᠵᠤ᠂ ᠡᠳ᠋ ᠤᠨ ᠢᠷᠠᠯᠳᠠ ᠶᠢᠨ ᠰᠢᠨ᠎ᠠ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ | ᠤᠳᠤᠬᠢᠴᠢᠯᠠᠭᠰᠡᠨ ᠬᠦᠢᠯᠬᠡᠬᠡ᠂ ᠵᠢᠭᠤᠯᠴᠢᠯᠠᠯ᠂ ᠨᠠᠶᠢᠬᠡᠮ ᠳᠤᠭᠤᠷᠢᠭ ᠤᠨ ᠤᠶᠢᠯᠡᠴᠢᠯᠡᠭᠡ᠂ ︽ᠮᠠᠯᠴᠢᠨ ᠳᠠᠷᠢᠶᠠᠴᠢᠨ᠂ ᠮᠠᠯᠵᠢᠬᠤ ᠳᠠᠷᠢᠶᠠᠯᠠᠬᠤ ᠤᠷᠤᠨ᠂ ᠮᠠᠯ | ᠳᠠᠷᠢᠶᠠᠯᠠᠩ︾ ᠤᠨ ᠶᠡᠷᠤᠩᠬᠡᠶᠢᠯᠡᠭᠰᠡᠨ ᠤᠶᠢᠯᠡᠴᠢᠯᠡᠭᠡ ᠵᠡᠷᠬᠡ ᠭᠤᠷᠪᠠᠳᠤᠭᠠᠷ ᠠᠵᠤ ᠤᠶᠢᠯᠡᠰ ᠤᠨ ᠬᠦᠭᠵᠢᠯᠳᠠ ᠶᠢ ᠵᠢᠯᠤᠭᠤᠳᠤᠨ ᠳᠡᠮᠵᠢᠵᠤ᠂ ᠠᠵᠤ ᠤᠶᠢᠯᠡᠰ ᠤᠨ | ᠪᠦᠳᠤᠴᠠ ᠶᠢᠨ ᠳᠤᠬᠢᠷᠠᠭᠤᠯᠤᠯᠳᠠ ᠶᠢ ᠠᠬᠢᠭᠤᠯᠤᠨ᠎ᠠ᠃ ᠱᠠᠩᠬᠠᠢ ᠶᠢᠨ ᠰᠦᠮ᠎ᠠ ᠶᠢᠨ ᠬᠦᠷᠢᠶᠡᠯᠠᠩ ᠳᠤᠭᠤᠷᠢᠭ ᠤᠨ ᠪᠠᠶᠢᠭᠤᠯᠤᠯᠳᠠ ᠶᠢ ᠤᠯᠠᠮ ᠨᠢᠬᠡ ᠠᠯᠬᠤᠮ | ᠢᠳᠡᠪᠬᠢᠳᠠᠢ ᠳᠠᠮᠵᠢᠵᠤ᠂ ᠠᠴᠢᠶᠠᠯᠠᠪᠤᠷᠢ ᠶᠢᠨ ᠴᠢᠳᠠᠪᠬᠢ ᠶᠢ ᠳᠠᠰᠤᠷᠠᠯᠳᠠ ᠦᠬᠡᠢ ᠳᠡᠬᠦᠯᠳᠡᠷᠵᠢᠬᠦᠯᠵᠤ᠂ ᠠᠵᠤ ᠤᠶᠢᠯᠡᠤᠨᠪᠤᠷᠢ ᠶᠢᠨ ᠠᠵᠤ ᠠᠬᠤᠢ ᠶᠢᠨ ᠬᠦᠭᠵᠢᠯᠳᠠ | ᠶᠢᠨ ᠤᠷᠴᠢᠨ ᠢ ᠴᠢᠷᠮᠠᠶᠢᠨ ᠰᠠᠶᠢᠵᠢᠷᠠᠭᠤᠯᠤᠨ᠎ᠠ᠃ | ︵ᠬᠤᠶᠠᠷ︶ ᠬᠠᠤᠯᠢ ᠶᠤᠰᠤ ᠪᠠᠷ ᠳᠠᠳᠠᠪᠤᠷᠢᠯᠠᠨ ᠬᠠᠮᠢᠶᠠᠷᠬᠤ ᠶᠢ ᠪᠠᠷᠢᠮᠳᠠᠯᠠᠵᠤ᠂ ᠳᠠᠯᠳᠠ ᠬᠦᠴᠤᠨ ᠢ ᠠᠭᠤᠳᠠᠯᠠᠨ ᠤᠷᠤᠯᠭ᠎ᠠ ᠶᠢ ᠴᠢᠷᠮᠠᠶᠢᠨ | ᠨᠡᠮᠡᠭᠳᠡᠬᠦᠯᠵᠤ᠂ ᠬᠡᠷᠡᠭᠯᠡᠵᠤ ᠪᠤᠯᠬᠤ ᠡᠳ᠋ ᠤᠨ ᠬᠦᠴᠤᠨ ᠢ ᠳᠠᠰᠤᠷᠠᠯᠳᠠ ᠦᠬᠡᠢ ᠴᠢᠩᠭᠠᠤᠨᠬᠠᠨ᠎ᠠ᠃ ᠲᠦᠷᠤ ᠶᠢᠨ ᠪᠤᠳᠤᠯᠭ᠎ᠠ ᠶᠢ ᠴᠢᠷᠮᠠᠶᠢᠨ ᠰᠤᠳᠤᠯᠵᠤ᠂ ᠰᠢᠨᠵᠢᠯᠡᠬᠦ | ᠤᠬᠠᠭᠠᠨᠴᠢ ᠪᠠᠷ ᠤᠷᠤᠯᠭ᠎ᠠ ᠨᠡᠮᠡᠭᠳᠡᠬᠦᠯᠬᠦ ᠠᠷᠭ᠎ᠠ ᠠᠪᠴᠠᠯ ᠢ ᠳᠤᠭᠳᠠᠭᠠᠨ᠎ᠠ᠃ ᠭᠠᠶᠢᠯᠢ ᠳᠠᠳᠠᠪᠤᠷᠢᠯᠠᠬᠤ ᠬᠠᠮᠢᠶᠠᠷᠤᠯᠳᠠ ᠶᠢ ᠴᠢᠩᠭᠠᠤᠨᠬᠠᠵᠤ᠂ ᠬᠠᠤᠯᠢ ᠶᠤᠰᠤ ᠪᠠᠷ | ᠭᠠᠶᠢᠯᠢ ᠵᠠᠰᠠᠬᠤ ᠶᠢ ᠪᠠᠷᠢᠮᠳᠠᠯᠠᠵᠤ᠂ ᠭᠠᠶᠢᠯᠢ ᠶᠢᠨ ᠵᠠᠳᠠᠯᠤᠯᠳᠠ᠂ ᠳᠠᠳᠠᠪᠤᠷᠢᠯᠠᠬᠤ ᠬᠠᠮᠢᠶᠠᠷᠤᠯᠳᠠ᠂ ᠭᠠᠶᠢᠯᠢ ᠳᠤᠰᠢᠶᠠᠬᠤ ᠦᠨᠡᠯᠡᠯᠳᠠ᠂ ᠭᠠᠶᠢᠯᠢ ᠶᠢᠨ | ᠶᠠᠪᠤᠳᠠᠯ ᠤᠨ ᠪᠠᠶᠢᠴᠠᠭᠠᠯᠳᠠ ᠵᠡᠷᠬᠡ ︽ᠲᠦᠷᠪᠡ ᠶᠢ ᠨᠢᠬᠡ ᠴᠤᠭᠴᠠᠵᠢᠭᠤᠯᠬᠤ︾ ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠤ᠂ ᠭᠤᠤᠯᠳᠠᠯᠭᠠᠳᠤ ᠭᠠᠶᠢᠯᠢ ᠶᠢᠨ | ᠢᠷᠠᠯᠳᠠ᠂ ᠭᠤᠤᠯᠳᠠᠯᠭᠠᠳᠤ ᠭᠠᠶᠢᠯᠢ ᠶᠢᠨ ᠲᠦᠷᠤᠯ ᠢ ᠪᠦᠳᠤᠮᠵᠢ ᠲᠠᠢ ᠬᠢᠨᠠᠨ ᠡᠵᠡᠮᠳᠡᠬᠦ ᠶᠢ ᠰᠠᠶᠢᠳᠤᠷ ᠠᠤᠨᠬᠤᠵᠤ᠂ ᠳᠠᠯᠳᠠ ᠬᠦᠴᠤᠨ ᠢ ᠠᠭᠤᠳᠠᠯᠠᠨ ᠤᠷᠤᠯᠭ᠎ᠠ | ᠪᠠᠨ ᠴᠢᠷᠮᠠᠶᠢᠨ ᠨᠡᠮᠡᠭᠳᠡᠬᠦᠯᠤᠨ᠎ᠠ᠃ ᠭᠠᠶᠢᠯᠢ ᠶᠢᠨ ᠪᠤᠰᠤ ᠤᠷᠤᠯᠭ᠎ᠠ ᠶᠢᠨ ᠳᠠᠳᠠᠪᠤᠷᠢᠯᠠᠯᠳᠠ ᠬᠠᠮᠢᠶᠠᠷᠤᠯᠳᠠ ᠶᠢ ᠴᠢᠩᠭ᠎ᠠ ᠠᠤᠨᠬᠤᠵᠤ᠂ ᠭᠠᠵᠠᠷ ᠰᠢᠷᠤᠢ ᠰᠢᠯᠵᠢᠬᠦᠯᠬᠦ | ᠠᠰᠢᠭ ᠤᠯᠵᠠᠪᠤᠷᠢ᠂ ᠤᠯᠤᠰ ᠤᠨ ᠦᠮᠴᠢᠯᠠᠯᠳᠤ ᠡᠬᠢ ᠰᠤᠷᠪᠤᠯᠵᠢ ᠶᠢᠨ ᠲᠦᠯᠤᠪᠤᠷᠢ ᠲᠠᠢ ᠬᠡᠷᠡᠭᠯᠡᠯᠳᠠ᠂ ᠵᠠᠰᠠᠭ ᠤᠨ ᠤᠷᠳᠤᠨ ᠤ ᠴᠢᠨᠠᠷ ᠲᠠᠢ ᠰᠠᠭᠤᠷᠢ ᠮᠦᠩᠬᠦ | ᠵᠡᠷᠬᠡ ᠶᠢᠨ ᠳᠠᠳᠠᠪᠤᠷᠢᠯᠠᠨ ᠬᠤᠷᠢᠶᠠᠬᠤ ᠬᠦᠴᠤᠯᠡᠴᠠ ᠶᠢ ᠶᠡᠬᠡᠤᠨᠬᠡᠵᠤ᠂ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠦᠷᠬᠡᠤᠨᠬᠡᠵᠤ᠂ ᠬᠤᠷᠢᠶᠠᠬᠤ ᠶᠤᠰᠤ ᠲᠠᠢ | ᠪᠦᠬᠦᠨ ᠢ ᠬᠤᠷᠢᠶᠠᠨ᠎ᠠ᠃ ᠵᠤᠬᠢᠴᠠᠭᠤᠯᠤᠨ ᠬᠠᠮᠵᠢᠯᠴᠠᠬᠤ ᠶᠢ ᠴᠢᠩᠭᠠᠤᠨᠬᠠᠵᠤ᠂ ᠤᠷᠤᠯᠭ᠎ᠠ ᠶᠢ ᠣᠷᠮᠠᠰᠢᠭᠤᠯᠬᠤ ᠵᠤᠬᠢᠴᠠᠮᠵᠢ ᠶᠢ ᠳᠡᠬᠦᠯᠳᠡᠷᠵᠢᠬᠦᠯᠵᠤ᠂ | ᠳᠡᠩᠴᠡᠬᠦᠷᠢᠳᠠᠢ ᠠᠬᠢᠴᠠ ᠶᠢ ᠴᠢᠬᠤᠯᠠᠴᠢᠯᠠᠨ᠂ ᠡᠳ᠋ ᠤᠨ ᠵᠠᠰᠠᠭ ᠤᠨ ᠤᠷᠤᠯᠭ᠎ᠠ ᠶᠢ ᠦᠷᠬᠦᠯᠵᠢᠯᠠᠨ ᠳᠤᠭᠳᠠᠭᠤᠨ ᠢᠶᠠᠷ ᠨᠡᠮᠡᠭᠳᠡᠬᠦᠯᠤᠨ᠎ᠠ᠃ | ︵ᠭᠤᠷᠪᠠ︶ ᠨᠢᠬᠡᠳᠤᠯᠳᠠᠢ ᠳᠤᠬᠢᠷᠠᠭᠤᠯᠤᠨ ᠨᠠᠶᠢᠳᠠ ᠳᠤ ᠨᠢ ᠬᠠᠷᠠᠭᠠᠯᠵᠠᠬᠤ ᠶᠢ ᠪᠠᠷᠢᠮᠳᠠᠯᠠᠵᠤ᠂ ᠠᠷᠠᠤᠨ ᠤᠨ ᠠᠮᠢᠳᠤᠷᠠᠯ ᠢ ᠬᠦᠴᠤᠯᠡᠨ ᠪᠠᠳᠤᠯᠠᠵᠤ᠂ | ᠵᠠᠷᠤᠯᠭ᠎ᠠ ᠶᠢᠨ ᠪᠦᠳᠤᠴᠠ ᠶᠢ ᠳᠠᠰᠤᠷᠠᠯᠳᠠ ᠦᠬᠡᠢ ᠰᠢᠯᠢᠳᠡᠭᠵᠢᠬᠦᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠭᠤᠤᠯᠳᠠᠯᠭ᠎ᠠ ᠶᠢ ᠠᠷᠠᠤᠨ ᠤᠨ ᠠᠮᠢᠳᠤᠷᠠᠯ | ᠲᠠᠢ ᠬᠤᠯᠪᠤᠭᠳᠠᠬᠤ ᠬᠦᠷᠢᠶ᠎ᠠ ᠬᠡᠪᠴᠢᠶ᠎ᠠ ᠪᠠ ᠠᠵᠤ ᠠᠬᠤᠢ ᠶᠢᠨ ᠬᠦᠭᠵᠢᠯᠳᠠ ᠶᠢᠨ ᠭᠤᠤᠯᠳᠠᠯᠭᠠᠳᠤ ᠬᠦᠷᠢᠶ᠎ᠠ ᠬᠡᠪᠴᠢᠶᠠᠨ ᠳᠤ ᠵᠠᠷᠤᠴᠠᠭᠤᠯᠤᠨ᠎ᠠ᠃ ᠠᠯᠪᠠᠨ ᠵᠢᠷᠤᠮ | ᠤᠨ ᠰᠤᠷᠭᠠᠨ ᠬᠦᠮᠤᠵᠢᠯ ᠤᠨ ᠵᠠᠷᠤᠳᠠᠯ ᠤᠨ ᠪᠠᠳᠤᠯᠠᠭ᠎ᠠ ᠶᠢᠨ ᠳᠤᠭᠳᠠᠴᠠ ᠶᠢ ᠳᠡᠬᠦᠯᠳᠡᠷᠵᠢᠬᠦᠯᠵᠤ᠂ ᠰᠤᠷᠭᠠᠨ ᠬᠦᠮᠤᠵᠢᠯ ᠤᠨ ᠡᠬᠢ ᠰᠤᠷᠪᠤᠯᠵᠢ ᠶᠢᠨ ᠵᠦᠢ ᠵᠤᠬᠢᠰ | ᠲᠠᠢ ᠳᠤᠬᠢᠷᠠᠭᠤᠯᠭ᠎ᠠ ᠶᠢ ᠠᠬᠢᠭᠤᠯᠤᠨ᠂ ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠳᠡᠩᠴᠡᠬᠦᠷᠢ ᠲᠠᠢ ᠬᠦᠭᠵᠢᠯᠳᠠ ᠶᠢ ᠠᠬᠢᠭᠤᠯᠤᠨ᠎ᠠ᠃ ᠡᠮ ᠡᠮᠴᠢᠯᠡᠭᠡ | ᠪᠤᠯᠤᠨ ᠨᠡᠶᠢᠭᠡᠮ ᠤᠨ ᠪᠠᠳᠤᠯᠠᠭ᠎ᠠ ᠶᠢᠨ ᠥᠢᠯᠡᠰ ᠳᠤ ᠬᠢ ᠤᠷᠤᠭᠤᠯᠤᠯᠳᠠ ᠪᠠᠨ ᠨᠡᠮᠡᠭᠳᠡᠭᠦᠯᠵᠥ᠂ ᠡᠮ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠥᠭᠡᠷᠡᠴᠢᠯᠡᠯᠳᠡ ᠪᠤᠯᠤᠨ ᠡᠮ ᠡᠮᠨᠡᠯᠭᠡ ᠶᠢᠨ ᠲᠠᠭᠠᠳᠬᠠᠯ ᠤᠨ ᠲᠤᠭᠳᠠᠴᠠ ᠶᠢᠨ ᠥᠭᠡᠷᠡᠴᠢᠯᠡᠯᠳᠡ ᠶᠢ ᠭᠥᠨᠵᠡᠭᠡᠶᠢᠷᠡᠭᠦᠯᠥᠨ᠂ ᠲᠤᠤᠷ᠎ᠠ ᠤᠷᠤᠯᠭᠠᠳᠤ ᠡᠳᠡᠭᠡᠳ ᠤᠨ | ᠪᠠᠳᠤᠯᠠᠭ᠎ᠠ ᠪᠠ ᠭᠥᠴᠢᠷᠳᠡᠯ ᠲᠠᠢ ᠭᠥᠮᠥᠰ ᠢ ᠠᠪᠤᠷᠠᠨ ᠲᠤᠰᠠᠯᠠᠬᠤ ᠲᠥᠪᠰᠢᠨ ᠢᠶᠠᠨ ᠤᠯᠠᠮ ᠢᠶᠠᠷ ᠲᠡᠭᠡᠭᠰᠢᠯᠡᠭᠦᠯᠥᠨ᠎ᠡ᠃ ᠬᠤᠳᠠ ᠭᠥᠳᠡᠭᠡ ᠶᠢᠨ ᠲᠤᠤᠷ᠎ᠠ | ᠪᠠᠳᠤᠯᠠᠭ᠎ᠠ ᠶᠢᠨ ᠪᠠᠷᠢᠮᠵᠢᠶ᠎ᠠ ᠶᠢ ᠭᠥᠮᠥᠨ ᠲᠤᠳᠤᠮ ᠰᠠᠷ᠎ᠠ ᠪᠥᠷᠢ 480 ᠲᠥᠭᠦᠷᠢᠭ ᠪᠠ 390 ᠲᠥᠭᠦᠷᠢᠭ ᠠᠴᠠ 495 ᠲᠥᠭᠦᠷᠢᠭ ᠪᠠ 402 ᠲᠥᠭᠦᠷᠢᠭ | ᠭᠥᠷᠳᠡᠯ᠎ᠡ ᠨᠡᠮᠡᠭᠳᠡᠬᠦᠯᠪᠠ︔ ᠮᠠᠬᠠᠨᠪᠤᠳ ᠤᠨ ᠭᠤᠷᠪᠠᠳᠤᠭᠠᠷ ᠲᠡᠰ ᠤᠨ ᠵᠡᠮᠳᠡᠭᠴᠤᠤᠯ ᠲᠤ ᠭᠥᠮᠥᠨ ᠲᠤᠳᠤᠮ ᠵᠢᠯ ᠪᠥᠷᠢ 2000 ᠲᠥᠭᠦᠷᠢᠭ ᠤᠨ ᠨᠥᠭᠦᠪᠥᠷᠢ | ᠤᠯᠭᠤᠨ᠎ᠠ︔ ᠪᠥᠭᠦᠯᠢ 60 ᠨᠠᠰᠤ ᠭᠥᠷᠥᠭᠰᠡᠨ ᠬᠤᠳᠠ ᠭᠥᠳᠡᠭᠡ ᠶᠢᠨ ᠲᠤᠤᠷ᠎ᠠ ᠪᠠᠳᠤᠯᠠᠭᠠᠳᠤ ᠡᠳᠡᠭᠡᠳ᠂ ︽ᠭᠤᠷᠪᠠ ᠥᠭᠡᠢ ᠭᠥᠮᠥᠰ︾᠂ | ᠤᠨᠴᠠᠭᠠᠶᠢᠯᠠᠨ ᠬᠠᠷᠠᠭᠠᠯᠵᠠᠬᠤ ᠡᠳᠡᠭᠡᠳ ᠵᠡᠷᠭᠡ ᠭᠤᠤᠯᠳᠠᠯᠭ᠎ᠠ ᠲᠠᠢ ᠪᠠᠳᠤᠯᠠᠬᠤ ᠡᠳᠡᠭᠡᠳ ᠲᠤ ᠭᠥᠮᠥᠨ ᠲᠤᠳᠤᠮ ᠰᠠᠷ᠎ᠠ ᠪᠦᠷᠢ 300 ᠲᠦᠬᠦᠷᠢᠭ ᠤᠨ | ᠪᠠᠶᠢᠭᠤᠯᠤᠮᠵᠢ ᠶᠢᠨ ᠨᠠᠰᠤᠵᠢᠯ ᠤᠨ ᠨᠦᠬᠦᠪᠤᠷᠢ ᠪᠠ ᠬᠦᠮᠤᠨ ᠳᠤᠳᠤᠮ ᠵᠢᠯ ᠪᠥᠷᠢ 600 ᠲᠥᠭᠦᠷᠢᠭ ᠤᠨ ᠭᠡᠷ ᠲᠤ ᠪᠠᠨ ᠰᠠᠭᠤᠬᠤ ᠨᠠᠰᠤᠵᠢᠯ ᠤᠨ ᠨᠥᠭᠦᠪᠥᠷᠢ | ᠤᠯᠭᠤᠨ᠎ᠠ᠃ ᠤᠯᠤᠰ ᠪᠠ ᠤᠷᠤᠨ ᠤ ᠪᠠᠷᠢᠮᠵᠢᠶ᠎ᠠ ᠶᠢ ᠲᠡᠭᠡᠭᠰᠢᠯᠡᠭᠦᠯᠭᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠲᠡᠭᠡᠷ᠎ᠡ᠂ | ᠭᠠᠭᠴᠠᠬᠠᠨ ᠭᠡᠥᠭᠡᠳ ᠨᠢ ᠰᠢᠷᠬᠠᠳᠤᠵᠤ ᠵᠡᠮᠳᠡᠭ ᠪᠤᠯᠤᠭᠰᠠᠨ ᠪᠤᠶᠤ ᠡᠷᠡᠰᠳᠡᠭᠰᠡᠡ ᠭᠡᠷ ᠪᠥᠯᠢ ᠶᠢ ᠲᠤᠰᠠᠯᠠᠨ ᠲᠡᠮᠵᠢᠭᠦ ᠪᠠᠷᠢᠮᠵᠢᠶ᠎ᠠ ᠶᠢ ᠭᠥᠮᠥᠨ ᠪᠥᠷᠢ ᠰᠠᠷ᠎ᠠ ᠲᠤᠳᠤᠮ | 100 ᠲᠥᠭᠦᠷᠢᠭ ᠥᠰᠭᠡᠭᠡᠨᠡ︔ ᠭᠥᠭᠦᠨ ᠪᠤᠯᠴᠢᠷᠬᠠᠢ ᠶᠢᠨ ᠥᠮᠡᠨ᠂ ᠰᠠᠪᠠᠨ ᠭᠥᠵᠥᠭᠦᠤ ᠶᠢᠨ ᠥᠮᠡᠨ ᠳᠤ ᠨᠡᠷᠪᠡᠭᠳᠡᠭᠰᠡᠨ ᠶᠠᠳᠠᠭᠤ ᠭᠥᠴᠢᠷᠳᠡᠯ ᠲᠠᠢ | ᠡᠪᠡᠳᠴᠢᠳᠡᠳ ᠲᠤ ᠲᠥᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡᠯᠡ ᠤᠳᠠᠭ᠎ᠠ ᠳᠤ ᠤᠯᠭᠤᠨ᠎ᠠ᠃ ᠪᠠᠳᠤᠯᠠᠭ᠎ᠠ ᠶᠢᠨ ᠤᠷᠤᠨ ᠰᠠᠭᠤᠴᠠ ᠶᠢᠨ | ᠢᠨᠵᠧᠨᠧᠷᠢᠩ ᠤᠨ ᠪᠠᠶᠢᠭᠤᠯᠤᠯᠳᠠ ᠶᠢ ᠲᠥᠷᠭᠡᠳᠭᠡᠵᠥ᠂ ᠪᠠᠳᠤᠯᠠᠭ᠎ᠠ ᠶᠢᠨ ᠤᠷᠤᠨ ᠰᠠᠭᠤᠴᠨ ᠪᠤᠯᠤᠨ ᠭᠥᠳᠡᠭᠡ ᠲᠤᠰᠬᠤᠨ ᠤ ᠨᠤᠷᠠᠬᠤ ᠠᠶᠤᠯ ᠲᠠᠢ ᠭᠡᠷ ᠪᠠᠷᠢᠯᠭ᠎ᠠ | ᠶᠢ ᠥᠭᠡᠷᠡᠴᠢᠯᠠᠭᠦ ᠠᠵᠢᠯ ᠢ ᠭᠥᠴᠥᠯᠡᠨ ᠱᠠᠯᠠᠪᠳᠠᠭᠤᠯᠤᠨ᠎ᠠ᠃ ᠮᠠᠯ ᠲᠠᠷᠢᠶᠠᠯᠠᠩ ᠢ ᠬᠠᠷᠠᠭᠠᠯᠵᠠᠨ ᠲᠡᠳᠭᠦᠭᠦ ᠲᠥᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ | ᠥᠨᠡᠨ ᠭᠦ ᠪᠠᠳᠤᠯᠠᠵᠤ᠂ ᠮᠠᠯ ᠲᠠᠷᠢᠶᠠᠯᠠᠩ ᠢ ᠲᠡᠳᠭᠦᠭᠦ ᠡᠯ᠎ᠡ ᠲᠥᠷᠥᠯ ᠤᠨ ᠨᠥᠭᠦᠪᠥᠷᠢ ᠮᠥᠩᠭᠦ ᠶᠢ ᠴᠠᠭ ᠲᠤᠬᠠᠢ ᠳᠤ ᠨᠢ ᠤᠯᠭᠤᠨ᠂ ᠡᠳ᠋ ᠤᠨ ᠵᠠᠰᠠᠭ ᠤᠨ ᠮᠠᠯ | ᠲᠠᠷᠢᠶᠠᠯᠠᠩ ᠤᠨ ᠲᠥᠷᠥᠯ ᠵᠥᠢᠯ ᠤᠨ ᠪᠡᠯᠡ ᠮᠥᠩᠭᠦ ᠶᠢ ᠴᠡᠭᠴᠡᠵᠢᠭᠦᠯᠵᠥ᠂ ᠤᠳᠤ ᠥᠶ᠎ᠡ ᠶᠢᠨ ᠮᠠᠯ ᠲᠠᠷᠢᠶᠠᠯᠠᠩ ᠤᠨ ᠥᠢᠯᠡᠰ ᠤᠨ ᠭᠥᠭᠵᠢᠯᠳᠡ ᠪᠤᠯᠤᠨ ᠬᠤᠳᠠ | ᠭᠥᠳᠡᠭᠡ ᠶᠢᠨ ᠨᠢᠭᠡᠳᠥᠯᠳᠡᠢ ᠲᠥᠯᠥᠪᠵᠢᠭᠦᠯᠥᠯᠳᠡ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠭᠥᠴᠥᠯᠡᠨ ᠲᠡᠮᠵᠢᠨ᠎ᠡ᠃ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠴᠢᠬᠤᠯᠠ ᠰᠢᠢᠳᠪᠥᠷᠢ ᠪᠠ ᠠᠷᠠᠳ ᠢ ᠬᠠᠷᠠᠭᠠᠯᠵᠠᠬᠤ ᠶᠢᠰᠤᠨ ᠤᠴᠢᠷ ᠲᠤ ᠬᠢ ᠵᠠᠷᠤᠯᠭ᠎ᠠ ᠶᠢ ᠭᠤᠤᠯᠳᠠᠯᠭ᠎ᠠ ᠲᠠᠢ ᠪᠠᠳᠤᠯᠠᠨ᠎ᠠ᠃ | ︵ᠲᠥᠷᠪᠡ︶ ᠥᠭᠡᠷᠡᠴᠢᠯᠡᠯᠳᠡ ᠰᠢᠨᠡᠴᠢᠯᠠᠯᠳᠠ ᠶᠢ ᠪᠠᠷᠢᠮᠳᠠᠯᠠᠵᠤ᠂ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠪᠡᠯᠡ ᠮᠥᠩᠭᠦᠨ ᠤ ᠥᠢᠯᠡᠳᠥᠯ | ᠴᠢᠳᠠᠪᠬᠢ ᠶᠢ ᠤᠯᠠᠮ ᠲᠡᠭᠡᠭᠰᠢᠯᠡᠭᠦᠯᠥᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠭᠤᠷᠪᠠᠳᠤᠭᠠᠷ ᠪᠥᠭᠦᠳᠡ ᠬᠤᠷᠠᠯᠳᠤᠭᠠᠨ ᠤ ᠡᠳ᠋ ᠤᠨ ᠵᠠᠰᠠᠭ ᠭᠠᠶᠢᠯᠢ | ᠶᠢᠨ ᠲᠥᠷᠢᠮ ᠤᠨ ᠥᠭᠡᠷᠡᠴᠢᠯᠡᠯᠳᠡ ᠶᠢᠨ ᠠᠭᠤᠯᠭ᠎ᠠ ᠶᠢ ᠭᠥᠨᠵᠡᠭᠡᠢ ᠵᠠᠳᠠᠯᠤᠨ ᠰᠢᠨᠵᠢᠵᠥ᠂ ᠮᠠᠨ ᠤ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠠᠯᠳᠠ | ᠳᠤ ᠲᠤᠰᠠ ᠭᠡᠷᠡᠭᠴᠡᠭᠡ ᠪᠥᠭᠦᠢ ᠲᠥᠷᠥ ᠶᠢᠨ ᠪᠤᠳᠤᠯᠭ᠎ᠠ ᠪᠠ ᠠᠷᠭ᠎ᠠ ᠠᠪᠴᠠᠯ ᠢ ᠰᠤᠳᠤᠯᠤᠨ ᠲᠤᠭᠳᠠᠭᠠᠨ᠎ᠠ᠃ ᠪᠠᠶᠢᠭᠤᠯᠭ᠎ᠠ ᠨᠢᠭᠡᠴᠡ ᠶᠢᠨ ᠡᠳ᠋ ᠤᠨ ᠶᠠᠪᠤᠳᠠᠯ ᠤᠨ | ᠲᠥᠰᠥᠪ ᠢ ᠢᠳᠡᠪᠭᠢᠳᠡᠢ ᠯᠠᠪᠳᠠᠭᠤᠨ ᠶᠠᠪᠤᠭᠳᠠᠭᠤᠯᠵᠤ᠂ ᠲᠥᠰᠥᠪ ᠤᠨ ᠭᠡᠷᠡᠭᠵᠢᠭᠦᠯᠥᠯᠳᠡ ᠶᠢ ᠴᠢᠩᠭᠠᠳᠬᠠᠨ᠂ ᠲᠥᠰᠥᠪ ᠤᠨ ᠭᠠᠳᠠᠭᠤᠷᠬᠢ ᠵᠠᠷᠤᠳᠠᠯ ᠢ ᠡᠷᠡᠰ | ᠴᠠᠭᠠᠵᠠᠯᠠᠨ᠂ ᠲᠥᠰᠥᠪ ᠨᠡᠮᠡᠯᠳᠡ ᠪᠠ ᠲᠥᠰᠥᠪ ᠤᠨ ᠥᠯᠡᠳᠡᠪᠥᠷᠢ ᠶᠢᠨ ᠬᠠᠮᠢᠶᠠᠷᠤᠯᠳᠠ ᠶᠢ ᠲᠥᠷᠢᠮᠵᠢᠭᠦᠯᠵᠥ᠂ ᠲᠥᠰᠥᠪ ᠤᠨ ᠭᠥᠯᠢᠶᠡᠰᠥᠯᠡᠯ ᠢ ᠴᠢᠩᠭᠠᠳᠬᠠᠨ᠎ᠠ᠃ | ᠤᠯᠤᠰ ᠤᠨ ᠭᠥᠮᠥᠷᠭᠡ ᠶᠢᠨ ᠲᠥᠪᠯᠡᠷᠡᠩᠭᠦᠢ ᠤᠷᠤᠭᠤᠯᠵᠤ ᠭᠠᠷᠭᠠᠬᠤ ᠲᠥᠷᠢᠮ ᠤᠨ ᠦᠬᠡᠷᠡᠴᠢᠯᠠᠯᠳᠠ ᠶᠢ ᠭᠥᠨᠵᠡᠭᠡᠶᠢᠷᠡᠭᠦᠯᠥᠨ᠂ ᠤᠯᠤᠰ ᠤᠨ ᠭᠥᠮᠥᠷᠭᠡ ᠶᠢᠨ ᠳ᠋ᠠᠩ | ᠭᠠᠭᠴᠠ ᠲᠠᠩᠰᠠ ᠡᠷᠥᠭᠡ ᠶᠢᠨ ᠰᠢᠰᠲ᠋ᠧᠮ ᠢᠶᠠᠷ ᠰᠠᠭᠤᠷᠢᠯᠠᠭᠤᠯᠬᠤ ᠶᠢ ᠤᠯᠠᠮ ᠢᠶᠠᠷ ᠠᠬᠢᠭᠤᠯᠵᠤ᠂ ᠤᠯᠤᠰ ᠤᠨ ᠭᠥᠮᠥᠷᠭᠡ ᠶᠢᠨ ᠲᠥᠪᠯᠡᠷᠡᠩᠭᠦᠢ ᠤᠷᠤᠭᠤᠯᠵᠤ | ᠭᠠᠷᠭᠠᠬᠤ ᠰᠢᠰᠲ᠋ᠧᠮ ᠳᠤ ᠲᠥᠰᠢᠭᠯᠡᠭᠰᠡᠨ ᠠᠯᠪᠠᠨ ᠺᠠᠷᠲ ᠢᠶᠠᠷ ᠲᠠᠰᠤᠯᠤᠨ ᠪᠤᠳᠤᠬᠤ ᠠᠷᠭ᠎ᠠ ᠮᠠᠶ᠋ᠢᠭ ᠢᠶᠠᠷ ᠡᠳ᠋ ᠤᠨ ᠵᠠᠰᠠᠭ ᠤᠨ ᠪᠡᠯᠡ ᠮᠥᠩᠭᠦ ᠶᠢ ᠤᠯᠠᠮ ᠢᠯᠡ | ᠲᠤᠳᠤ ᠪᠤᠯᠭᠠᠨ᠎ᠠ᠃ ᠲᠥᠷᠥᠯ ᠵᠥᠢᠯ ᠤᠨ ᠪᠡᠯᠡ ᠮᠥᠩᠭᠦ ᠶᠢᠨ ᠴᠡᠭᠴᠡᠵᠢᠭᠦᠯᠥᠯᠳᠡ ᠶᠢ ᠠᠬᠢᠭᠤᠯᠵᠤ᠂ ᠡᠯ᠎ᠡ ᠲᠥᠷᠥᠯ ᠤᠨ ᠪᠡᠯᠡ ᠮᠦᠩᠬᠦ ᠶᠢ ᠨᠢᠭᠡᠳᠥᠯᠳᠡᠢ | ᠲᠤᠬᠢᠷᠠᠭᠤᠯᠤᠨ᠂ ᠡᠳ᠋ ᠤᠨ ᠭᠥᠴᠥᠨ ᠢᠶᠠᠨ ᠲᠥᠪᠯᠡᠷᠡᠭᠦᠯᠥᠨ ᠠᠷᠠᠳ ᠤᠨ ᠠᠮᠢᠳᠤᠷᠠᠯ ᠤᠨ ᠥᠢᠯᠡᠰ ᠤᠨ ᠭᠥᠭᠵᠢᠭᠦᠯᠥᠯᠳᠡ ᠪᠤᠯᠤᠨ ᠭᠤᠤᠯᠳᠠᠯᠭ᠎ᠠ ᠲᠠᠢ ᠲᠥᠷᠥᠯ | ᠵᠥᠢᠯ ᠤᠨ ᠥᠷᠭᠦᠯᠵᠢᠯᠡᠯ ᠪᠠᠶᠢᠭᠤᠯᠤᠯᠳᠠ ᠶᠢ ᠲᠡᠮᠵᠢᠨ᠎ᠡ᠃ ᠲᠥᠪ ᠬᠤᠷᠢᠶᠠᠨ ᠤ ︽ᠨᠠᠢᠮᠨᠨ ᠲᠤᠭᠳᠠᠭᠠᠯ︾ ᠢ ᠡᠷᠡᠰ ᠵᠢᠷᠤᠮᠯᠠᠨ᠂ ᠪᠥᠷᠢᠯᠭᠡᠨ ᠰᠥᠢᠳᠭᠡᠭᠦ ᠶᠢ | ᠲᠡᠪᠴᠢᠵᠥ ᠠᠷᠪᠢᠯᠠᠨ ᠭᠠᠮᠨᠠᠬᠤ ᠶᠢ ᠡᠷᠬᠢᠮᠨᠡᠵᠥ᠂ ︽ᠲᠥᠷᠪᠡ ᠶᠢ ᠪᠠᠳᠤᠯᠠᠨ ᠬᠤᠶᠠᠷ ᠢ ᠪᠠᠭᠠᠰᠬᠠᠬᠤ︾ ᠶᠢ ᠪᠠᠷᠢᠮᠳᠠᠯᠠᠨ᠂ ︽ᠭᠤᠷᠪᠠᠨ ᠠᠯᠪᠠᠨ︾ ᠤ ᠵᠠᠷᠤᠳᠠᠯ | ᠪᠤᠯᠤᠨ ᠪᠠᠶᠢᠩᠭᠤ ᠶᠢᠨ ᠵᠠᠷᠤᠳᠠᠯ ᠢ ᠥᠷᠭᠦᠯᠵᠢᠯᠡᠨ ᠶᠡᠭᠡ ᠪᠠᠷ ᠪᠠᠭᠠᠰᠬᠠᠵᠤ᠂ ᠡᠳ᠋ ᠤᠨ ᠭᠥᠴᠥᠨ ᠢᠶᠠᠨ ᠲᠥᠪᠯᠡᠷᠡᠭᠦᠯᠥᠨ ︽ᠡᠷᠬᠢᠯᠳᠡ ᠶᠢ ᠪᠠᠳᠤᠯᠠᠨ᠂ ᠠᠷᠠᠳ ᠤᠨ | ᠠᠮᠢᠳᠤᠷᠠᠯ ᠢ ᠬᠠᠷᠠᠭᠠᠯᠵᠠᠵᠤ᠂ ᠥᠷᠢ ᠥᠭᠴᠡᠭᠡ ᠶᠢ ᠢᠯᠭᠠᠷᠠᠭᠤᠯᠤᠨ᠂ ᠪᠠᠶᠢᠭᠤᠯᠵᠤ ᠪᠠᠶᠢᠭ᠎ᠠ ᠭᠤᠤᠯᠳᠠᠯᠭᠠᠳᠤ ᠲᠥᠷᠥᠯ ᠵᠥᠢᠯ ᠢ ᠥᠷᠭᠦᠯᠵᠢᠯᠡᠭᠦᠯᠥᠨᠡ︾᠃ ᠡᠳ᠋ | ᠤᠨ ᠶᠠᠪᠤᠳᠠᠯ ᠤᠨ ᠨᠢᠭᠳᠠᠯᠠᠨ ᠪᠤᠳᠤᠯᠳᠠ ᠶᠢᠨ ᠬᠠᠮᠢᠶᠠᠷᠤᠯᠳᠠ ᠶᠢ ᠴᠢᠩᠭᠠᠳᠬᠠᠨ᠂ ᠡᠳ᠋ ᠤᠨ ᠶᠠᠪᠤᠳᠠᠯ ᠨᠢᠭᠳᠠᠯᠠᠨ ᠪᠤᠳᠤᠯᠳᠠ ᠶᠢᠨ ᠲᠤᠬᠠᠶᠢᠯᠠᠭᠰᠠᠨ ᠠᠵᠢᠯ ᠤᠨ | ᠮᠡᠳᠡᠯᠭᠡ ᠶᠢᠨ ᠪᠤᠯᠪᠠᠰᠤᠷᠠᠯ ᠢ ᠵᠤᠬᠢᠶᠠᠨ ᠪᠠᠶᠢᠭᠤᠯᠤᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠬᠢᠷᠢ ᠭᠡᠮ ᠢ ᠲᠡᠭᠡᠭᠰᠢᠯᠡᠭᠦᠯᠥᠨ᠎ᠡ᠃ ᠡᠳ᠋ ᠤᠨ ᠵᠠᠰᠠᠭ ᠤᠨ | ᠬᠢᠨᠠᠯᠳᠠ ᠬᠠᠮᠢᠶᠠᠷᠤᠯᠳᠠ ᠪᠠ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠶᠢ ᠴᠢᠩᠭᠠᠳᠬᠠᠨ᠂ ᠪᠠᠶᠢᠴᠠᠭᠠᠨ ᠰᠢᠢᠳᠪᠥᠷᠢᠯᠡᠭᠦ ᠭᠥᠴᠥᠯᠡᠴᠡ ᠪᠠᠨ ᠨᠡᠮᠡᠭᠳᠡᠭᠦᠯᠵᠥ᠂ | ᠡᠳ᠋ ᠤᠨ ᠵᠠᠰᠠᠭ ᠤᠨ ᠪᠡᠯᠡ ᠮᠥᠩᠭᠦᠨ ᠤ ᠡᠷᠬᠢᠯᠳᠡ ᠶᠢᠨ ᠪᠥᠭᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢᠨ ᠲᠥᠷᠢᠮ ᠢ ᠲᠤᠭᠳᠠᠭᠠᠨ᠂ ᠡᠳ᠋ ᠤᠨ ᠵᠠᠰᠠᠭ ᠤᠨ ᠪᠡᠯᠡ | ᠮᠥᠩᠭᠦᠨ ᠤ ᠥᠷ᠎ᠡ ᠪᠥᠳᠥᠮᠵᠢ ᠶᠢ ᠥᠨᠡᠯᠡᠨ ᠰᠢᠯᠭᠠᠬᠤ ᠪᠠᠨ ᠴᠢᠩᠭᠠᠳᠬᠠᠵᠤ᠂ ᠪᠡᠯᠡ ᠮᠥᠩᠭᠦᠨ ᠤ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠭᠦᠯᠥᠨ᠎ᠡ᠃ ᠵᠠᠰᠠᠭ | ᠤᠨ ᠤᠷᠳᠤᠨ ᠤ ᠴᠢᠨᠠᠷ ᠲᠠᠢ ᠥᠷᠢ ᠥᠭᠴᠡᠭᠡ ᠶᠢᠨ ᠬᠠᠮᠢᠶᠠᠷᠤᠯᠳᠠ ᠶᠢᠨ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠥ᠂ ᠨᠠᠷᠢᠨ ᠪᠠᠶᠢᠳᠠᠯ ᠢ ᠤᠶᠢᠯᠠᠭᠠᠵᠤ ᠰᠢᠨᠵᠢ | ᠴᠢᠨᠠᠷ ᠢ ᠢᠯᠭᠠᠨ ᠭᠥᠷᠢᠶ᠎ᠡ ᠬᠡᠪᠴᠢᠶ᠎ᠡ ᠶᠢ ᠨᠢ ᠲᠤᠳᠤᠯᠠᠵᠤ᠂ ᠥᠷᠢ ᠥᠭᠴᠡᠭᠡ ᠶᠢᠨ ᠬᠠᠭᠤᠴᠢᠨ ᠢ ᠨᠢ ᠢᠯᠭᠠᠷᠠᠭᠤᠯᠬᠤ ᠪᠠ ᠰᠢᠨ᠎ᠡ ᠶᠢ ᠨᠢ ᠬᠢᠵᠠᠭᠠᠷᠯᠠᠬᠤ ᠶᠢ | ᠴᠢᠩᠳᠠ ᠪᠠᠳᠤᠯᠠᠨ᠎ᠠ᠃ ᠥᠷᠢ ᠲᠥᠯᠥᠭᠦ ᠪᠡᠯᠡᠳᠭᠡᠯ ᠮᠥᠩᠭᠦᠨ ᠤ ᠲᠥᠷᠢᠮ ᠲᠤᠭᠳᠠᠭᠠᠨ᠂ ᠲᠥᠰᠥᠪ ᠤᠨ ᠲᠤᠬᠢᠷᠠᠭᠤᠯᠤᠯᠳᠠ᠂ ᠥᠯᠡᠭᠦᠥ ᠤᠷᠤᠯᠭ᠎ᠠ ᠪᠤᠯᠤᠨ ᠤᠯᠤᠰ | ᠤᠨ ᠥᠮᠴᠢᠯᠡᠯᠳᠤ ᠭᠥᠷᠥᠩᠭᠡ ᠶᠢ ᠠᠮᠢᠳᠤᠯᠢᠭᠵᠢᠭᠤᠯᠬᠤ ᠵᠡᠷᠭᠡ ᠠᠯᠢ ᠪᠤᠯᠬᠤ ᠠᠷᠭ᠎ᠠ ᠠᠪᠴᠠᠯ ᠢᠶᠠᠷ ᠥᠷᠢ ᠲᠥᠯᠥᠭᠦ ᠪᠡᠯᠡ ᠮᠥᠩᠭᠦ ᠬᠤᠷᠠᠮᠳᠤᠭᠤᠯᠵᠤ᠂ ︽ᠭᠡᠨ | ᠵᠢᠭᠡᠯᠡᠵᠥ ᠭᠡᠨ ᠭᠡᠷᠡᠭᠯᠡᠭᠰᠡᠨ ᠪᠤᠯ ᠭᠡᠨ ᠲᠥᠯᠥᠭᠦ︾ ᠵᠠᠷᠴᠢᠮ ᠪᠠ ᠤᠷᠢᠳ ᠢᠶᠠᠷ ᠠᠮᠠᠷᠬᠠᠨ ᠢ ᠨᠢ ᠰᠡᠭᠦᠯ ᠢᠶᠠᠷ ᠭᠥᠴᠢᠷ ᠢ ᠨᠢ᠂ ᠭᠤᠤᠯᠳᠠᠯᠭ᠎ᠠ ᠶᠢ ᠲᠤᠪᠤᠶᠢᠯᠭᠠᠬᠤ | ᠠᠵᠢᠯ ᠤᠨ ᠰᠡᠳᠬᠢᠮᠵᠢ ᠪᠠᠷ ᠥᠷᠢ ᠥᠭᠴᠡᠭᠡ ᠶᠢ ᠢᠳᠡᠪᠬᠢᠳᠡᠢ ᠢᠯᠭᠠᠷᠠᠭᠤᠯᠤᠨ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠠᠳᠤᠯᠠᠵᠤ᠂ ᠨᠡᠩ ᠢᠯᠠᠩᠭᠤᠶ᠎ᠠ | ᠭᠥᠯᠥᠰᠤᠨ ᠠᠵᠢᠯᠴᠢᠳ ᠤᠨ ᠴᠠᠯᠢᠩ ᠪᠤᠯᠤᠨ ᠪᠠᠭᠤᠷᠠᠶᠢᠴᠤᠤᠯ ᠲᠠᠢ ᠬᠤᠯᠪᠤᠭᠳᠠᠭᠰᠠᠨ ᠥᠷᠢ ᠥᠭᠴᠡᠭᠡ ᠶᠢ ᠲᠥᠷᠥᠭᠦᠨ ᠳᠤ ᠨᠢ ᠪᠤᠳᠤᠯᠬᠢᠯᠠᠨ ᠢᠯᠭᠠᠷᠠᠭᠤᠯᠤᠨ᠎ᠠ᠃ | ᠥᠷᠢ ᠥᠭᠴᠡᠭᠡ ᠰᠢᠨ᠎ᠡ ᠪᠠᠷ ᠨᠡᠮᠡᠭᠦ ᠶᠢ ᠴᠢᠩᠭ᠎ᠠ ᠬᠢᠵᠠᠭᠠᠷᠯᠠᠵᠤ᠂ ᠪᠡᠯᠡ ᠬᠤᠷᠠᠮᠳᠤᠭᠤᠯᠬᠤ ᠠᠵᠢᠯᠯᠠᠭ᠎ᠠ ᠶᠢ ᠲᠥᠷᠢᠮᠵᠢᠭᠦᠯᠥᠨ᠂ ᠥᠷᠢᠳᠥᠯᠳᠡ ᠶᠢᠨ ᠨᠤᠷᠮ᠎ᠠ᠂ ᠡᠳ᠋ | ᠤᠨ ᠵᠠᠰᠠᠭ ᠤᠨ ᠥᠭᠴᠡᠭᠡᠨ ᠨᠤᠷᠮ᠎ᠠ ᠪᠠ ᠡᠳ᠋ ᠤᠨ ᠵᠠᠰᠠᠭ ᠤᠨ ᠲᠥᠯᠥᠯᠳᠡ ᠶᠢᠨ ᠨᠤᠷᠮ᠎ᠠ ᠵᠡᠷᠭᠡ ᠬᠢᠨᠠᠯᠳᠠ ᠶᠢᠨ ᠪᠠᠷᠢᠮᠵᠢᠶ᠎ᠠ ᠪᠠᠷ ᠥᠷᠢ ᠶᠢᠨ ᠭᠡᠮᠵᠢᠶ᠎ᠡ ᠪᠠ | ᠲᠥᠯᠥᠯᠳᠡ ᠶᠢᠨ ᠬᠤᠭᠤᠴᠠᠭ᠎ᠠ ᠲᠠᠷᠠᠭᠠᠯᠠᠯ ᠢ ᠠᠵᠤ ᠠᠬᠤᠢ ᠶᠢᠨ ᠭᠥᠭᠵᠢᠯᠳᠡ ᠪᠠ ᠡᠳ᠋ ᠤᠨ ᠵᠠᠰᠠᠭ ᠤᠨ ᠲᠠᠭᠠᠭᠠᠵᠤ ᠲᠠᠶᠢᠯᠭᠦ ᠬᠡᠪᠴᠢᠶᠡᠨ ᠳᠤ ᠬᠢᠵᠠᠭᠠᠷᠯᠠᠨ᠂ ᠥᠷᠢ | ᠶᠢ ᠳᠤᠬᠢᠷᠠᠮᠵᠢ ᠲᠠᠢ ᠲᠥᠯᠥᠵᠥ᠂ ᠲᠥᠭᠰᠢᠭᠦᠷᠢ ᠶᠢ ᠵᠤᠬᠢᠰ ᠲᠠᠢ ᠬᠢᠵᠠᠭᠠᠷᠯᠠᠨ᠎ᠠ᠃ ᠡᠳ᠋ ᠤᠨ ᠵᠠᠰᠠᠭ ᠤᠨ ᠲᠥᠰᠥᠪ ᠪᠠ ᠲᠥᠰᠥᠪ ᠤᠨ ᠭᠥᠢᠴᠡᠳᠭᠡᠯ᠂ ᠪᠠᠶᠢᠭᠤᠯᠭ᠎ᠠ | ᠨᠢᠭᠡᠴᠡ ᠶᠢᠨ ᠲᠥᠰᠥᠪ ᠪᠠ ᠲᠥᠰᠥᠪ ᠤᠨ ᠭᠥᠢᠴᠡᠳᠭᠡᠯ᠂ ︽ᠭᠤᠷᠪᠠᠨ ᠠᠯᠪᠠᠨ︾ ᠤ ᠵᠠᠷᠤᠳᠠᠯ ᠤᠨ ᠢᠯᠡᠰᠢᠭᠦᠯᠥᠯᠳᠡ ᠶᠢ ᠠᠬᠢᠭᠤᠯᠵᠤ᠂ ᠬᠠᠤᠯᠢ ᠶᠤᠰᠤ ᠪᠠᠷ | ᠵᠠᠰᠠᠭ ᠶᠠᠪᠤᠭᠤᠯᠤᠨ ᠡᠳ᠋ ᠤᠨ ᠶᠠᠪᠤᠳᠠᠯ ᠢ ᠬᠠᠮᠢᠶᠠᠷᠬᠤ ᠵᠢᠭᠠᠯᠳᠠ ᠶᠢᠨ ᠰᠢᠰᠲ᠋ᠧᠮ ᠢ ᠲᠠᠰᠤᠷᠠᠯ ᠥᠭᠡᠢ ᠲᠡᠭᠦᠯᠳᠡᠷᠵᠢᠭᠦᠯᠥᠨ᠎ᠡ᠃ ᠪᠠᠶᠢᠭᠤᠯᠤᠮᠵᠢ ᠶᠢᠨ ᠪᠠᠶᠢᠭᠤᠯᠤᠯᠳᠠ | ᠶᠢ ᠭᠥᠴᠥᠳᠡᠢ ᠠᠳᠬᠤᠵᠤ᠂ ᠰᠤᠷᠤᠯᠴᠠᠯᠭ᠎ᠠ ᠬᠠᠮᠢᠶᠠᠷᠤᠯᠳᠠ ᠶᠢᠨ ᠲᠥᠷᠢᠮ ᠢ ᠲᠠᠭᠦᠯᠳᠡᠷᠵᠢᠭᠦᠯᠥᠨ᠂ ᠺᠠᠳ᠋ᠷ ᠤᠨ ᠡᠩᠨᠡᠭᠡᠨ ᠤ ᠤᠯᠤᠰ ᠲᠥᠷᠥ ᠶᠢᠨ ᠬᠡᠪ ᠴᠢᠨᠠᠷ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠲᠥᠷᠥᠯ ᠤᠨ ᠶᠤᠰᠤ ᠰᠤᠷᠳᠠᠬᠤᠨ ᠢ ᠪᠥᠭᠦ ᠲᠠᠯ᠎ᠠ ᠪᠠᠷ ᠲᠡᠭᠡᠭᠰᠢᠯᠡᠭᠦᠯᠥᠨ᠎ᠡ᠃ ᠤᠯᠤᠰ ᠤᠨ ᠲᠤᠳᠤᠭᠠᠳᠤ | ᠭᠠᠳᠠᠭᠠᠳᠤ ᠶᠢᠨ ᠠᠵᠤ ᠠᠬᠤᠢ ᠶᠢᠨ ᠬᠠᠨᠳᠤᠰᠢ ᠪᠤᠯᠤᠨ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠳᠡ ᠶᠢᠨ ᠪᠠᠶᠢᠳᠠᠯ ᠢ ᠨᠠᠷᠢᠨ ᠠᠵᠢᠵᠤ᠂ ᠬᠠᠨᠳᠤᠯᠭᠠᠳᠤ ᠴᠢᠨᠠᠷ | ᠲᠠᠢ ᠪᠠᠷ ᠪᠠᠶᠢᠴᠠᠭᠠᠯᠳᠠ ᠰᠤᠳᠤᠯᠤᠭ᠎ᠠ ᠶᠠᠪᠤᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠡᠭᠦ ᠤᠬᠠᠭᠠᠨᠴᠢ ᠰᠢᠢᠳᠪᠥᠷᠢ ᠶᠢᠨ | ᠲᠤᠭᠳᠠᠭᠠᠯᠳᠠ ᠳᠤ ᠪᠠᠶᠠᠯᠢᠭ ᠪᠥᠳᠥᠭᠡᠯᠴᠢ ᠰᠠᠨᠠᠯ ᠲᠤᠷᠠᠳᠤᠨ᠎ᠠ᠃ | ᠲᠥᠯᠥᠭᠡᠯᠡᠭᠴᠢᠳ ᠡ᠂ ᠥᠨᠥ ᠵᠢᠯ ᠤᠨ ᠡᠳ᠋ ᠤᠨ ᠵᠠᠰᠠᠭ ᠤᠨ ᠠᠵᠢᠯ ᠢ ᠪᠥᠭᠦ ᠲᠠᠯ᠎ᠠ ᠪᠠᠷ ᠰᠠᠶᠢᠳᠤᠷ ᠪᠠᠶᠠᠯᠠᠭᠦᠯᠭᠦ ᠳᠤ ᠡᠭᠦᠷᠭᠡ ᠭᠥᠨᠳᠥ ᠵᠠᠮ ᠬᠤᠯᠠ | ᠪᠤᠢ᠃ ᠪᠢᠲᠡ ᠪᠥᠭᠦ ᠬᠤᠰᠢᠭᠤᠨ ᠤ ᠠᠵᠤ ᠠᠬᠤᠢ ᠨᠡᠶᠢᠭᠡᠮ ᠤᠨ ᠭᠥᠭᠵᠢᠯᠳᠡ ᠶᠢᠨ ᠶᠡᠭᠡ ᠪᠠᠶᠢᠳᠠᠯ ᠢᠶᠠᠷ ᠭᠤᠤᠯᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ | ᠶᠢᠨ ᠪᠤᠳᠤᠯᠭ᠎ᠠ ᠪᠠᠶᠢᠷᠢᠰᠢᠯᠠᠭᠤᠯᠳᠠ ᠪᠠ ᠲᠤᠰ ᠤᠳᠠᠭᠠᠨ ᠤ ᠬᠤᠷᠠᠯ ᠠᠴᠠ ᠲᠤᠷᠠᠳᠤᠭᠰᠠᠨ ᠡᠳ᠋ ᠤᠨ ᠵᠠᠰᠠᠭ ᠤᠨ ᠠᠵᠢᠯ ᠤᠨ ᠡᠯ᠎ᠡ ᠲᠠᠯ᠎ᠠ ᠳᠤ ᠬᠢ ᠱᠠᠭᠠᠷᠳᠠᠯᠭ᠎ᠠ ᠶᠢ | ᠵᠢᠷᠤᠮᠯᠠᠨ᠂ ᠲᠠᠪᠠᠭᠤ ᠨᠥᠭᠦᠴᠡᠯ ᠢᠶᠠᠨ ᠰᠠᠶᠢᠳᠤᠷ ᠠᠰᠢᠭᠯᠠᠨ ᠡᠯ᠎ᠡ ᠲᠥᠷᠥᠯ ᠤᠨ ᠭᠥᠴᠢᠷ ᠪᠡᠷᠭᠡ ᠶᠢ ᠢᠯᠠᠵᠤ᠂ 2014 ᠤᠨ ᠤ ᠡᠳ᠋ ᠤᠨ ᠵᠠᠰᠠᠭ ᠤᠨ ᠡᠯ᠎ᠡ | ᠲᠥᠷᠥᠯ ᠤᠨ ᠠᠵᠢᠯ ᠡᠭᠦᠷᠭᠡ ᠪᠠᠨ ᠴᠢᠷᠮᠠᠶᠢᠨ ᠪᠡᠶᠡᠯᠡᠭᠦᠯᠵᠥ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠲᠤᠭᠳᠠᠭᠤᠨ ᠮᠥᠷᠳᠡᠭᠡᠨ ᠲᠥᠷᠭᠡᠨ ᠭᠥᠭᠵᠢᠯᠳᠡ | ᠳᠤ ᠨᠡᠩ ᠶᠡᠭᠡ ᠬᠤᠪᠢ ᠨᠡᠮᠡᠷᠢ ᠥᠵᠡᠭᠦᠯᠰᠥᠭᠡᠢ᠃ |