ᠣᠳᠤᠭ ᠡᠮᠦᠨᠡᠳᠦ ᠵᠠᠰᠠᠭ ᠲᠠᠷᠬᠠᠭᠠᠬᠤ ﹇2017﹈ 29 ᠲᠣᠭᠠᠳᠦ
ᠨᠡᠶᠢᠲᠡᠯᠡᠭᠰᠡᠨ ᠴᠠᠭ᠄
2018-06-20
︽ᠣᠳᠤᠭ ᠤᠨ ᠡᠮᠦᠨᠡᠳᠦ ᠬᠤᠰᠢᠭᠤᠨ ᠤ  ᠪᠡᠯᠴᠢᠭᠡᠷᠯᠡᠭᠦᠯᠬᠦ ᠶᠢ ᠬᠤᠷᠢᠭᠯᠠᠨ  ᠰᠡᠯᠡᠭᠦᠨ  ᠮᠠᠯᠵᠢᠬᠤ  ᠪᠣᠯᠣᠨ  ᠨᠣᠳᠤᠭ  ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠢᠨᠠᠯᠳᠠ ᠬᠠᠮᠢᠶᠠᠷᠣᠯᠳᠠ ᠶᠢᠨ ᠬᠡᠷᠡᠭᠵᠢᠭᠦᠯᠬᠦ ᠨᠠᠷᠢᠨ ᠲᠦᠷᠢᠮ︾   ᠢ ᠲᠠᠷᠣᠮᠠᠯᠯᠠᠨ  ᠲᠠᠷᠬᠠᠭᠠᠬᠤ  ᠲᠣᠬᠠᠢ ᠣᠳᠤᠭ ᠤᠨ ᠡᠮᠦᠨᠡᠳᠦ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠵᠢᠴᠢ ᠠᠷᠠᠳ ᠤᠨ ᠪᠦᠯᠬᠦᠮ ᠳᠤ᠄ ︽ᠣᠳᠤᠭ ᠤᠨ ᠡᠮᠦᠨᠡᠳᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠢᠨᠠᠯᠳᠠ ᠬᠠᠮᠢᠶᠠᠷᠣᠯᠳᠠ ᠶᠢᠨ ᠬᠡᠷᠡᠭᠵᠢᠭᠦᠯᠬᠦ ᠨᠠᠷᠢᠨ ᠲᠦᠷᠢᠮ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠵᠢᠷᠭᠤᠳᠦᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ ᠵᠦᠪᠰᠢᠶᠡᠷᠡᠵᠣ ᠲᠠᠷᠬᠠᠭᠠᠪᠠ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠳᠤᠭᠠᠢ᠃                    ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                    2017 ᠣᠨ ᠤ 9 ᠰᠠᠷ᠎ᠠ ᠶᠢᠨ 19 ᠤ ᠡᠳᠦᠷᠣᠳᠤᠭ ᠤᠨ ᠡᠮᠦᠨᠡᠳᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠢᠨᠠᠯᠳᠠ ᠬᠠᠮᠢᠶᠠᠷᠣᠯᠳᠠ ᠶᠢᠨ ᠬᠡᠷᠡᠭᠵᠢᠭᠦᠯᠬᠦ ᠨᠠᠷᠢᠨ ᠲᠦᠷᠢᠮ     ᠨᠢᠭᠡᠳᠦᠭᠡᠷ ᠵᠣᠶᠢᠯ   ᠣᠯᠣᠰ ᠤᠨ ᠨᠣᠳᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠳᠠ ᠪᠣᠯᠣᠨ ᠨᠦᠬᠦᠪᠦᠷᠢ ᠬᠦᠬᠢᠭᠦᠯᠦᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠪᠦᠬᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠮᠢᠶᠠᠷᠣᠯᠳᠠ ᠶᠢ ᠴᠢᠩᠭᠠᠳᠬᠠᠨ᠂ ᠮᠠᠨ ᠤ ᠬᠤᠰᠢᠭᠤᠨ ᠤ ᠨᠣᠳᠤᠭ ᠪᠡᠯᠴᠢᠭᠡᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠣᠰᠠᠳᠠ᠂ ︽ᠪᠦᠬᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠨᠣᠳᠤᠭ ᠪᠡᠯᠴᠢᠭᠡᠷ ᠤᠨ ᠬᠠᠣᠯᠢ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠣᠨ ᠨᠣᠳᠤᠭ ᠪᠡᠯᠴᠢᠭᠡᠷ ᠤᠨ ᠬᠠᠮᠠᠭᠠᠯᠠᠯᠳᠠ ᠶᠢᠨ ᠲᠦᠷᠢᠮ︾᠂ ︽ᠦᠪᠦᠷ ᠮᠣᠩᠭᠤᠯ  ᠤᠨ ᠦᠪᠡᠷᠳᠡᠭᠡᠨ ᠵᠠᠰᠠᠬᠤ ᠣᠷᠣᠨ ᠤ ᠨᠣᠳᠤᠭ ᠪᠡᠯᠴᠢᠭᠡᠷ ᠤᠨ ᠬᠠᠮᠢᠶᠠᠷᠣᠯᠳᠠ ᠶᠢᠨ ᠲᠦᠷᠢᠮ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠢᠨᠠᠯᠳᠠ ᠬᠠᠮᠢᠶᠠᠷᠣᠯᠳᠠ ᠶᠢᠨ ᠠᠷᠭ᠎ᠠ︾ ᠪᠣᠯᠣᠨ ︽ᠣᠷᠳᠣᠰ ᠬᠤᠳᠠ ᠶᠢᠨ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠢᠨᠠᠯᠳᠠ ᠬᠠᠮᠢᠶᠠᠷᠣᠯᠳᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠣᠯᠢ ᠲᠦᠷᠢᠮ ᠲᠣᠭᠳᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ ᠲᠣᠰ ᠠᠷᠭ᠎ᠠ ᠶᠢ ᠲᠣᠭᠳᠠᠭᠠᠪᠠ᠃     ᠬᠤᠶᠠᠳᠦᠭᠠᠷ ᠵᠣᠶᠢᠯ   ᠲᠣᠰ ᠨᠠᠷᠢᠨ ᠲᠦᠷᠢᠮ ᠢ ᠪᠦᠬᠦ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠣᠷᠣᠨ ᠬᠡᠪᠴᠢᠶᠠᠨ ᠳᠤ ᠬᠡᠷᠡᠭᠵᠢᠭᠦᠯᠦᠨ᠎ᠡ᠃     ᠪᠡᠯᠴᠢᠭᠡᠷᠯᠡᠭᠦᠯᠬᠦ ᠶᠢ ᠬᠤᠷᠢᠭᠯᠠᠬᠤ ᠭᠡᠳᠡᠭ ᠨᠢ ᠨᠣᠳᠤᠭ ᠪᠡᠯᠴᠢᠭᠡᠷ ᠲᠡᠭᠡᠷ᠎ᠡ 1 ᠵᠢᠯ ᠠᠴᠠ ᠲᠡᠭᠡᠭᠰᠢ ᠪᠡᠯᠴᠢᠭᠡᠷᠯᠡᠭᠦᠯᠬᠦ ᠶᠢ ᠬᠤᠷᠢᠭᠯᠠᠬᠤ ᠠᠷᠭ᠎ᠠ ᠶᠢ ᠵᠢᠭᠠᠨ᠎ᠠ᠃ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠬᠡᠪᠴᠢᠶ᠎ᠡ ᠭᠡᠳᠡᠭ ᠨᠢ ᠣᠯᠣᠰ ᠤᠨ ︵ᠨᠣᠳᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠳᠠ ᠪᠣᠯᠣᠨ ᠨᠦᠬᠦᠪᠦᠷᠢ ᠬᠦᠬᠢᠬᠦᠯᠦᠯ  ᠤᠨ ᠲᠦᠷᠦ ᠶᠢᠨ ᠪᠣᠳᠣᠯᠭ᠎ᠠ︶ ᠪᠡᠯᠴᠢᠭᠡᠷᠯᠡᠭᠦᠯᠬᠦ ᠶᠢ ᠬᠤᠷᠢᠭᠯᠠᠬᠤ ᠨᠦᠬᠦᠪᠦᠷᠢ ᠶᠢ ᠬᠦᠷᠳᠡᠵᠣ ᠪᠠᠶᠢᠭ᠎ᠠ ᠣᠷᠣᠨ ᠬᠡᠪᠴᠢᠶ᠎ᠠ ᠶᠢ ᠵᠢᠭᠠᠨ᠎ᠠ᠂ ᠣᠯᠣᠰ ᠤᠨ ᠠᠮᠢ ᠠᠬᠤᠢ ᠶᠢᠨ ᠭᠤᠣᠯᠳᠠᠯᠭᠠᠳᠦ ᠢᠨᠵᠧᠨᠧᠷᠢᠩ ᠤᠨ ᠲᠦᠷᠦᠯ ᠵᠣᠶᠢᠯ ᠤᠨ ᠣᠷᠣᠨ᠂ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠠᠮᠢ ᠠᠬᠤᠢ ᠶᠢᠨ ᠠᠷᠠᠳ ᠢ ᠨᠡᠭᠦᠯᠭᠡᠨ ᠰᠢᠯᠵᠢᠭᠦᠯᠦᠭᠰᠡᠨ ᠣᠷᠣᠨ᠂ ᠬᠦᠷᠦᠰᠦ ᠰᠢᠷᠣᠢ ᠶᠢᠨ ᠵᠠᠰᠠᠯᠳᠠ ᠶᠢᠨ ᠣᠷᠣᠨ᠂ ᠲᠠᠷᠢᠶᠠᠯᠠᠬᠤ ᠣᠷᠣᠨ ᠪᠣᠯᠣᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠵᠢᠴᠢ ᠠᠮᠢ ᠠᠬᠤᠢ ᠮᠠᠭᠤᠳᠠᠭᠰᠠᠨ ᠭᠠᠵᠠᠷ ᠣᠷᠣᠨ ᠵᠡᠷᠬᠡ ᠶᠢ ᠪᠠᠭᠳᠠᠭᠠᠨ᠎ᠠ᠃    ᠰᠡᠯᠡᠭᠦᠨ ᠮᠠᠯᠵᠢᠬᠤ ᠭᠡᠳᠡᠭ ᠨᠢ ᠨᠢᠬᠡ ᠵᠢᠯ ᠤᠨ ᠲᠣᠳᠣᠷ᠎ᠠ ᠲᠣᠭᠳᠠᠭᠰᠠᠨ ᠬᠤᠭᠤᠴᠠᠭᠠᠨ ᠳᠤ ᠨᠣᠳᠤᠭ ᠪᠡᠯᠴᠢᠭᠡᠷ  ᠲᠤ ᠪᠡᠯᠴᠢᠭᠡᠷᠯᠡᠭᠦᠯᠬᠦ ᠶᠢ ᠬᠤᠷᠢᠭᠯᠠᠵᠣ᠂ ᠨᠣᠳᠤᠭ ᠪᠡᠯᠴᠢᠭᠡᠷ ᠢ ᠣᠯᠠᠷᠢᠯ ᠤᠨ ᠴᠢᠨᠠᠷᠳᠠᠢ ᠰᠡᠯᠡᠭᠦᠨ ᠰᠡᠷᠭᠦᠭᠡᠬᠦ ᠠᠷᠭ᠎ᠠ  ᠶᠢ ᠵᠢᠭᠠᠨ᠎ᠠ᠃ ᠮᠠᠨ ᠤ ᠬᠤᠰᠢᠭᠤ ᠨᠣᠭᠤᠭ᠎ᠠ ᠣᠷᠭᠤᠬᠤ ᠬᠤᠭᠤᠴᠠᠭᠠᠨ ᠳᠤ ᠰᠡᠯᠡᠭᠦᠨ ᠮᠠᠯᠵᠢᠬᠤ ᠲᠦᠷᠢᠮ ᠢ ᠬᠡᠷᠡᠭᠵᠢᠭᠦᠯᠦᠨ᠂ ᠭᠤᠷᠪᠠᠨ ᠰᠠᠷ᠎ᠠ ᠰᠡᠯᠡᠭᠦᠨ ᠮᠠᠯᠵᠢᠨ᠎ᠠ᠂ ᠪᠣᠳᠠᠳᠠᠢ ᠴᠠᠭ ᠬᠤᠭᠤᠴᠠᠭ᠎ᠠ ᠵᠢᠯ ᠪᠦᠷᠢ ᠶᠢᠨ 3 ᠰᠠᠷ᠎ᠠ  ᠶᠢᠨ 20 ᠠᠴᠠ 6 ᠰᠠᠷ᠎ᠠ ᠶᠢᠨ 20 ᠪᠣᠯᠳᠠᠯ᠎ᠠ᠂ ᠰᠡᠯᠡᠭᠦᠨ ᠮᠠᠯᠵᠢᠬᠤ ᠣᠷᠣᠨ ᠭᠡᠳᠡᠭ ᠨᠢ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ ᠬᠤᠷᠢᠭᠯᠠᠭᠰᠠᠨ ᠨᠣᠳᠤᠭ ᠪᠡᠯᠴᠢᠭᠡᠷ ᠠᠴᠠ ᠭᠠᠳᠠᠨᠠᠬᠢ ᠣᠷᠣᠨ ᠬᠡᠪᠴᠢᠶ᠎ᠡ ᠶᠢ ᠵᠢᠭᠠᠨ᠎ᠠ᠃     ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠭᠡᠳᠡᠭ ᠨᠢ ᠨᠣᠳᠤᠭ ᠪᠡᠯᠴᠢᠭᠡᠷ ᠠᠮᠢ ᠠᠬᠤᠢ ᠶᠢᠨ ᠰᠢᠰᠲ᠋ᠧᠮ ᠤᠨ ᠣᠬᠢ ᠡᠷᠬᠢᠯᠳᠡ ᠶᠢ ᠪᠠᠳᠣᠯᠠᠬᠤ ᠶᠢᠨ ᠲᠣᠰᠠᠳᠠ᠂ ᠲᠣᠭᠳᠠᠭᠰᠠᠨ ᠬᠤᠭᠤᠴᠠᠭᠠᠨ ᠲᠣᠳᠣᠷ᠎ᠠ᠂ ᠨᠣᠳᠤᠭ ᠪᠡᠯᠴᠢᠭᠡᠷ ᠢ ᠬᠡᠷᠡᠭᠯᠡᠭᠴᠢ ᠪᠣᠶᠣ ᠲᠠᠭᠠᠭᠠᠴᠢᠯᠠᠨ ᠡᠵᠡᠩᠨᠡᠭᠴᠢ ᠨᠣᠳᠤᠭ ᠪᠡᠯᠴᠢᠭᠡᠷ ᠠᠴᠠ ᠪᠠ ᠪᠣᠰᠣᠳ ᠠᠷᠭ᠎ᠠ ᠪᠠᠷ ᠣᠯᠣᠭᠰᠠᠨ ᠡᠪᠡᠰᠦ ᠪᠣᠷᠳᠣᠭᠠᠨ ᠤ ᠶᠡᠷᠦᠩᠬᠡᠢ ᠬᠡᠮᠵᠢᠶ᠎ᠡ ᠪᠣᠯᠣᠨ ᠮᠠᠯ ᠲᠡᠵᠢᠭᠡᠬᠦ ᠳᠤ ᠬᠡᠷᠡᠭᠰᠡᠬᠦ ᠡᠪᠡᠰᠦ ᠪᠣᠷᠳᠣᠭᠠᠨ ᠤ ᠲᠡᠩᠴᠡᠭᠦᠷᠢ ᠶᠢ ᠪᠠᠳᠣᠯᠠᠬᠤ ᠶᠢ ᠵᠢᠭᠠᠨ᠎ᠠ᠃ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ  ᠶᠢ ᠲᠡᠩᠴᠡᠭᠦᠷᠢᠰᠢᠭᠦᠯᠬᠦ ᠣᠷᠣᠨ ᠬᠡᠪᠴᠢᠶ᠎ᠡ ᠭᠡᠳᠡᠭ ᠨᠢ ᠣᠯᠣᠰ ᠤᠨ ︵ᠨᠣᠳᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠳᠠ ᠪᠣᠯᠣᠨ ᠨᠦᠬᠦᠪᠦᠷᠢ ᠬᠦᠬᠢᠬᠦᠯᠦᠯ ᠤᠨ ᠲᠦᠷᠦ ᠶᠢᠨ ᠪᠣᠳᠣᠯᠭ᠎ᠠ︶ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠦᠬᠢᠭᠦᠯᠦᠯ ᠢ ᠣᠯᠵᠣ ᠪᠠᠶᠢᠭ᠎ᠠ ᠣᠷᠣᠨ ᠬᠡᠪᠴᠢᠶ᠎ᠡ ᠶᠢ ᠵᠢᠭᠠᠨ᠎ᠠ᠂ ᠰᠡᠯᠡᠭᠦᠨ ᠮᠠᠯᠵᠢᠬᠤ ᠬᠤᠭᠤᠴᠠᠭ᠎ᠠ ᠦᠩᠭᠡᠷᠡᠭᠰᠡᠨ ᠤ ᠲᠠᠷᠠᠭ᠎ᠠ᠂ ᠰᠡᠯᠡᠭᠦᠨ ᠮᠠᠯᠵᠢᠬᠤ ᠣᠷᠣᠨ ᠳᠤ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠢ ᠬᠡᠷᠡᠭᠵᠢᠭᠦᠯᠦᠨ᠎ᠡ᠃     ᠭᠤᠷᠪᠠᠳᠦᠭᠠᠷ ᠵᠣᠶᠢᠯ   ᠬᠤᠰᠢᠭᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠣᠷᠣᠨ ᠢ ᠬᠤᠪᠢᠶᠠᠷᠢᠯᠠᠵᠣ ᠲᠠᠩᠰᠠ ᠪᠠᠶᠢᠭᠤᠯᠣᠨ᠂ ᠪᠡᠯᠴᠢᠭᠡᠷᠯᠡᠭᠦᠯᠬᠦ ᠶᠢ ᠬᠤᠷᠢᠯᠠᠬᠤ ᠣᠷᠣᠨ᠂ ᠰᠡᠯᠡᠭᠦᠨ ᠮᠠᠯᠵᠢᠬᠤ ᠣᠷᠣᠨ ᠳᠤ ᠲᠣᠳᠣᠷᠬᠠᠢ ᠲᠡᠮᠳᠡᠭ ᠫᠠᠶᠢᠰᠠ ᠪᠣᠰᠬᠠᠨ᠎ᠠ᠃     ᠲᠦᠷᠪᠡᠳᠦᠭᠡᠷ ᠵᠣᠶᠢᠯ   ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ ᠪᠣᠯᠣᠨ ᠨᠣᠳᠤᠭ ᠪᠡᠯᠴᠢᠭᠡᠷ  ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠲᠠᠢ ᠬᠤᠯᠪᠣᠭᠳᠠᠬᠤ ᠬᠠᠣᠯᠢ ᠲᠦᠷᠢᠮ ᠲᠦᠷᠦ  ᠶᠢᠨ ᠪᠣᠳᠣᠯᠭ᠎ᠠ ᠶᠢᠨ ᠣᠬᠠᠭᠤᠯᠭ᠎ᠠ ᠬᠦᠮᠦᠵᠢᠯ ᠢᠶᠠᠨ ᠴᠢᠩᠭᠠᠳᠬᠠᠵᠣ᠂ ᠮᠠᠯᠴᠢᠨ ᠲᠠᠷᠢᠶᠠᠴᠢᠳ ᠤᠨ ᠠᠮᠢ ᠠᠬᠤᠢ ᠪᠠᠨ ᠬᠠᠮᠠᠭᠠᠯᠠᠬᠤ ᠦᠵᠡᠯ ᠣᠬᠠᠮᠰᠠᠷ ᠢ ᠲᠡᠭᠡᠭᠰᠢᠯᠡᠭᠦᠯᠦᠨ᠂ ᠰᠢᠨᠵᠢᠯᠡᠬᠦ ᠣᠬᠠᠭᠠᠨᠴᠢ ᠪᠠᠷ ᠨᠣᠳᠤᠭ ᠪᠡᠯᠴᠢᠭᠡᠷ ᠤᠨ ᠡᠬᠢ ᠪᠠᠶᠠᠯᠢᠭ ᠢᠶᠠᠨ ᠠᠰᠢᠭᠯᠠᠨ᠎ᠠ᠃     ᠲᠠᠪᠣᠳᠦᠭᠠᠷ ᠵᠣᠶᠢᠯ   ᠬᠤᠰᠢᠭᠤ ᠠᠷᠠᠳ ᠤᠨ ᠵᠠᠰᠠᠭ ᠤᠨ ᠣᠷᠳᠣᠨ ᠪᠣᠯᠣᠨ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠭᠠᠴᠠᠭ᠎ᠠ ᠲᠣᠰᠬᠤᠨ ᠤ ᠠᠷᠠᠳ  ᠤᠨ ᠵᠦᠪᠯᠡᠯ᠂ ᠭᠠᠴᠠᠭ᠎ᠠ ᠲᠣᠰᠬᠤᠨ ᠤ ᠠᠷᠠᠳ ᠤᠨ ᠵᠦᠪᠯᠡᠯ ᠪᠣᠯᠣᠨ ᠮᠠᠯᠴᠢᠨ ᠲᠠᠷᠢᠶᠠᠴᠢᠨ ᠡᠷᠦᠬᠡ ᠲᠡᠰ ᠲᠡᠰ ᠢᠶᠠᠷ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠷᠢᠭᠤᠴᠯᠭ᠎ᠠ ᠶᠢᠨ ᠪᠢᠴᠢᠭ ᠲᠤ ᠭᠠᠵᠠᠷ ᠤᠨ ᠦᠰᠦᠭ ᠵᠢᠷᠣᠵᠣ᠂ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠣᠨ᠂ ᠡᠭᠦᠷᠭᠡ ᠶᠢᠨ ᠬᠤᠪᠢᠶᠠᠷᠢᠯᠠᠯ ᠢ ᠡᠷᠦᠬᠡ ᠳᠤ ᠣᠷᠣᠨᠵᠢᠭᠤᠯᠣᠨ᠎ᠠ᠃     ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠢ ᠬᠡᠷᠡᠭᠵᠢᠭᠦᠯᠬᠦ ᠭᠤᠣᠯ ᠴᠣᠭᠴᠠ ᠪᠣᠯᠵᠣ᠂ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠢ ᠣᠳᠣᠷᠢᠳᠬᠤ ᠪᠠᠨ ᠴᠢᠩᠭᠠᠳᠬᠠᠵᠣ᠂ ᠪᠠᠯᠭᠠᠰᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠳᠠᠨ ᠪᠣᠯ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠲᠣᠳᠣᠷᠠᠬᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠮᠢᠶᠠᠷᠣᠯᠳᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠳᠠᠨ ᠪᠠᠶᠢᠵᠣ᠂ ᠲᠣᠰ ᠬᠠᠷᠢᠶ᠎ᠠ ᠣᠷᠣᠨ ᠤ ᠲᠣᠳᠣᠷ᠎ᠠ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠤᠨ ᠭᠤᠣᠯ ᠣᠳᠣᠷᠢᠳᠣᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠪᠢᠳᠠᠨ ᠬᠠᠮᠢᠶᠠᠷᠬᠤ ᠣᠳᠣᠷᠢᠳᠣᠯᠭ᠎ᠠ ᠪᠣᠯ ᠰᠢᠭᠤᠳ ᠬᠠᠷᠢᠭᠤᠴᠠᠯᠭᠠᠳᠠᠨ ᠪᠠᠶᠢᠵᠣ᠂᠂ ᠲᠣᠰ ᠬᠠᠷᠢᠶ᠎ᠠ ᠣᠷᠣᠨ ᠤ ᠲᠣᠳᠣᠷ᠎ᠠ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠤᠨ ᠰᠢᠭᠤᠳ ᠬᠠᠷᠢᠭᠤᠴᠠᠯᠭ᠎ᠠ ᠡᠭᠦᠷᠭᠡᠯᠡᠨ᠎ᠡ᠃      ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠲᠣᠳᠣᠷᠠᠬᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠡᠷᠬᠡᠪᠰᠢ ᠲᠣᠰᠬᠠᠢ ᠠᠵᠢᠯ ᠤᠨ ᠪᠠᠶᠢᠭᠤᠯᠣᠮᠵᠢ ᠪᠠᠶᠢᠭᠤᠯᠣᠨ᠂ ᠲᠣᠰᠬᠠᠢ ᠠᠵᠢᠯᠳᠠᠨ ᠪᠣᠶᠣ ᠬᠠᠪᠰᠣᠷᠭᠠᠬᠤ ᠠᠵᠢᠯᠳᠠᠨ ᠲᠣᠬᠢᠷᠠᠭᠤᠯᠣᠨ ᠲᠣᠰ ᠠᠵᠢᠯ ᠢ ᠪᠣᠳᠠᠳᠠᠢ ᠬᠠᠷᠢᠭᠤᠴᠠᠭᠤᠯᠣᠨ᠎ᠠ᠃      ᠵᠢᠷᠭᠤᠳᠦᠭᠠᠷ ᠵᠣᠶᠢᠯ   ᠬᠤᠰᠢᠭᠤᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠪᠦᠬᠦ ᠬᠤᠰᠢᠭᠤᠨ  ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠲᠣᠳᠣᠷᠠᠬᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠢᠨᠠᠯᠳᠠ ᠬᠠᠮᠢᠶᠠᠷᠣᠯᠳᠠ ᠶᠢᠨ ᠠᠵᠢᠯ ᠢ ᠪᠣᠳᠠᠳᠠᠢ ᠬᠠᠷᠢᠭᠤᠴᠠᠨ᠎ᠠ᠃      ᠬᠤᠰᠢᠭᠤᠨ ᠤ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠲᠣᠭᠳᠠᠮᠠᠯ ᠬᠤᠭᠤᠴᠠᠭ᠎ᠠ᠂ ᠲᠣᠭᠳᠠᠮᠠᠯ ᠪᠣᠰᠣ ᠬᠤᠭᠤᠴᠠᠭ᠎ᠠ ᠪᠣᠯᠣᠨ ᠲᠣᠰᠬᠠᠢ ᠪᠠᠶᠢᠴᠠᠭᠠᠯᠳᠠ᠂ ᠰᠣᠭᠤᠴᠢᠨ ᠪᠠᠶᠢᠴᠠᠭᠠᠯᠳᠠ ᠶᠢᠨ ᠠᠷᠭ᠎ᠠ ᠪᠠᠷ ᠡᠯ᠎ᠡ ᠪᠠᠯᠭᠠᠰᠣᠨ ᠤ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠤᠨ ᠨᠠᠶᠢᠳᠠᠪᠦᠷᠢᠵᠢᠭᠤᠯᠣᠯᠳᠠ ᠶᠢᠨ ᠪᠠᠶᠢᠳᠠᠯ ᠳᠤ ᠪᠠᠶᠢᠴᠠᠭᠠᠯᠳᠠ ᠬᠢᠨ᠂ ᠪᠠᠶᠢᠴᠠᠭᠠᠯᠳᠠ ᠶᠢᠨ ᠦᠷ᠎ᠡ ᠳ᠋ᠦᠩ ᠢ ᠲᠣᠭᠳᠠᠮᠠᠯ ᠬᠡᠪᠴᠢᠶᠡᠨ ᠲᠣᠳᠣᠷ᠎ᠠ ᠨᠡᠶᠢᠳᠡᠯᠡᠨ᠎ᠡ︔ ᠬᠤᠰᠢᠭᠤᠨ ᠠᠴᠠ ᠪᠠᠯᠭᠠᠰᠣᠨ ᠤ ᠵᠢᠯ ᠤᠨ ᠡᠴᠦᠰ ᠤᠨ ᠬᠢᠨᠡᠨ ᠰᠢᠯᠭᠠᠷᠠᠭᠤᠯᠣᠯᠳᠠ ᠶᠢᠨ ᠨᠢᠭᠡ ᠲᠦᠷᠦᠯ ᠤᠨ ᠠᠭᠤᠯᠭ᠎ᠠ ᠪᠣᠯᠭᠠᠨ᠎ᠠ᠃      ᠲᠣᠯᠣᠳᠦᠭᠠᠷ ᠵᠣᠶᠢᠯ   ᠬᠤᠰᠢᠭᠤ᠂ ᠪᠠᠯᠭᠠᠰᠦ ᠬᠤᠶᠠᠷ ᠱᠠᠳᠣᠨ ᠤ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠳ ᠬᠡᠪᠴᠢᠶᠡᠨ ᠲᠣᠳᠣᠷᠠᠬᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠣᠰᠬᠠᠢ ᠲᠦᠷᠦᠯ ᠤᠨ ᠠᠵᠢᠯ ᠤᠨ ᠵᠠᠷᠣᠳᠠᠯ ᠲᠣᠬᠢᠷᠠᠭᠤᠯᠵᠣ᠂ ᠡᠳ᠋ ᠤᠨ ᠵᠠᠰᠠᠭ  ᠤᠨ ᠲᠦᠰᠦᠪ ᠲᠤ ᠣᠷᠣᠭᠤᠯᠣᠨ ᠠᠵᠢᠯ ᠤᠨ ᠪᠠᠳᠣᠯᠠᠭ᠎ᠠ ᠪᠣᠯᠭᠠᠨ᠎ᠠ᠃     ᠨᠠᠢᠮᠠᠳᠦᠭᠠᠷ ᠵᠣᠶᠢᠯ   ᠭᠠᠴᠠᠭ᠎ᠠ ᠲᠣᠰᠬᠤᠨ ᠠᠴᠠ ᠭᠡᠰᠢᠭᠦᠳ ᠤᠨ ᠬᠡᠷᠡᠭ ᠵᠦᠪᠯᠡᠬᠦ ᠲᠦᠷᠢᠮ ᠪᠣᠯᠣᠨ ︽ᠭᠠᠴᠠᠭ᠎ᠠ ᠲᠣᠰᠬᠤᠨ ᠤ ᠠᠷᠠᠳ ᠤᠨ ᠵᠢᠷᠣᠮᠯᠠᠯ︾ ᠶᠣᠰᠣᠭᠠᠷ᠂ ᠠᠷᠠᠳ ᠲᠤ ᠦᠷᠭᠦᠯᠵᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠬᠦ ᠬᠦᠮᠦᠵᠢᠯ ᠬᠦᠷᠳᠡᠭᠡᠵᠣ᠂ ᠨᠣᠳᠤᠭ ᠪᠡᠯᠴᠢᠭᠡᠷ ᠢ ᠰᠢᠨᠵᠢᠯᠡᠬᠦ ᠣᠬᠠᠭᠠᠨᠴᠢ ᠪᠠᠷ ᠠᠰᠢᠭᠯᠠᠬᠤ ᠪᠠ ᠠᠮᠢ ᠠᠬᠤᠢ ᠶᠢᠨ ᠬᠠᠮᠠᠭᠠᠯᠠᠯᠳᠠ ᠶᠢᠨ ᠣᠬᠠᠮᠰᠠᠷ ᠢ ᠨᠢ ᠲᠡᠭᠡᠭᠰᠢᠯᠡᠬᠦᠯᠵᠣ᠂ ᠨᠣᠳᠤᠭ ᠪᠡᠯᠴᠢᠭᠡᠷ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠬᠦᠶᠢᠴᠡ ᠰᠠᠶᠢᠵᠢᠷᠠᠯ ᠢ ᠠᠬᠢᠭᠤᠯᠣᠨ᠎ᠠ᠃     ᠶᠢᠰᠦᠳᠦᠭᠡᠷ ᠵᠣᠶᠢᠯ   ᠡᠯ᠎ᠡ ᠪᠠᠯᠭᠠᠰᠦ᠂ ᠡᠯ᠎ᠡ ᠭᠠᠴᠠᠭ᠎ᠠ ᠲᠣᠰᠬᠤᠨ ᠠᠴᠠ ᠭᠠᠴᠠᠭ᠎ᠠ ᠲᠣᠰᠬᠤᠨ ᠤ ᠲᠡᠰ ᠤᠨ ᠨᠣᠳᠤᠭ ᠪᠡᠯᠴᠢᠭᠡᠷ ᠤᠨ ᠬᠠᠮᠠᠭᠠᠯᠠᠭᠴᠢ ᠶᠢᠨ ᠣᠶᠢᠯᠠᠳᠣᠯ ᠢ ᠭᠦᠢᠴᠡᠳ ᠪᠠᠳᠠᠷᠠᠭᠤᠯᠣᠨ᠂ ᠬᠠᠮᠠᠭᠠᠯᠠᠯᠳᠠ ᠶᠢᠨ ᠣᠷᠣᠨ ᠬᠡᠪᠴᠢᠶᠡᠨ ᠳᠤ ᠦᠷᠭᠦᠯᠵᠢ ᠶᠢᠨ ᠴᠢᠨᠠᠷᠳᠠᠢ ᠴᠠᠭᠳᠠᠨ ᠪᠠᠶᠢᠴᠠᠭᠠᠬᠤ ᠠᠵᠢᠯ ᠦᠷᠨᠢᠭᠦᠯᠵᠣ᠂ ᠮᠠᠯᠴᠢᠨ ᠲᠠᠷᠢᠶᠠᠴᠢᠨ ᠡᠷᠦᠬᠡ ᠶᠢᠨ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠣᠭᠰᠠᠨ ᠪᠠᠶᠢᠳᠠᠯ ᠳᠤ ᠬᠢᠨᠠᠯᠳᠠ ᠪᠠᠶᠢᠴᠠᠭᠠᠯᠳᠠ ᠬᠢᠨ᠂ ᠬᠤᠯᠠᠭᠠᠢ ᠪᠠᠷ ᠪᠡᠯᠴᠢᠭᠡᠷᠯᠡᠭᠦᠯᠬᠦ ᠪᠣᠯᠣᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠦᠵᠡᠭᠳᠡᠯ  ᠢ ᠴᠠᠭ ᠲᠣᠬᠠᠢ ᠳᠤ ᠨᠢ ᠪᠠᠯᠭᠠᠰᠣᠨ ᠤ ᠠᠷᠠᠳ ᠤᠨ ᠵᠠᠰᠠᠭ ᠣᠷᠳᠣᠨ ᠪᠣᠯᠤᠨ ᠬᠤᠰᠢᠭᠤᠨ ᠤ ᠨᠣᠳᠤᠭ ᠪᠡᠯᠴᠢᠭᠡᠷ  ᠤᠨ ᠬᠢᠨᠠᠯᠳᠠ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ᠎ᠡ᠃     ᠬᠤᠰᠢᠭᠤ ᠠᠷᠠᠳ ᠤᠨ ᠵᠠᠰᠠᠭ ᠤᠨ ᠣᠷᠳᠣᠨ ᠭᠠᠴᠠᠭ᠎ᠠ ᠲᠣᠰᠬᠤᠨ ᠤ ᠲᠡᠰ ᠤᠨ ᠨᠣᠳᠤᠭ ᠪᠡᠯᠴᠢᠭᠡᠷ ᠢ ᠬᠠᠮᠠᠭᠠᠯᠠᠭᠴᠢ ᠶᠢᠨ ᠨᠦᠬᠦᠪᠦᠷᠢ ᠶᠢᠨ ᠪᠡᠯᠡ ᠮᠦᠩᠭᠦ ᠶᠢ ᠲᠣᠰ ᠱᠠᠳᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠣᠨ᠎ᠠ︔ ᠬᠤᠰᠢᠭᠤᠨ ᠤ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠪᠣᠯᠣᠨ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠭᠠᠴᠠᠭ᠎ᠠ ᠲᠣᠰᠬᠤᠨ ᠤ ᠲᠡᠰ ᠤᠨ ᠨᠣᠳᠤᠭ ᠪᠡᠯᠴᠢᠭᠡᠷ ᠢ ᠬᠠᠮᠠᠭᠠᠯᠠᠭᠴᠢ ᠶᠢᠨ ᠡᠭᠦᠷᠭᠡ ᠪᠠᠨ ᠭᠦᠢᠴᠡᠳᠬᠡᠭᠰᠡᠨ ᠪᠠᠶᠢᠳᠠᠯ ᠲᠤ ᠵᠢᠯ ᠡᠴᠦᠰ ᠤᠨ ᠬᠢᠨᠡᠨ ᠰᠢᠯᠭᠠᠷᠠᠭᠤᠯᠣᠯᠳᠠ ᠬᠢᠵᠣ ᠂ ᠬᠢᠨᠡᠨ ᠰᠢᠯᠭᠠᠷᠠᠭᠤᠯᠣᠯᠳᠠ ᠶᠢᠨ ᠦᠷ᠎ᠡ ᠳ᠋ᠦᠩ ᠪᠣᠯᠣᠨ ᠬᠠᠮᠠᠭᠠᠯᠠᠭᠴᠢ ᠶᠢᠨ ᠨᠦᠬᠦᠪᠦᠷᠢ ᠶᠢ ᠬᠤᠯᠪᠣᠭᠳᠠᠭᠤᠯᠣᠭᠰᠠᠨ ᠬᠦᠬᠢᠭᠦᠯᠬᠦ ᠲᠣᠷᠭᠠᠬᠤ ᠲᠦᠷᠢᠮ ᠢ ᠬᠡᠷᠡᠭᠵᠢᠭᠦᠯᠦᠨ᠂ ᠬᠢᠨᠡᠨ ᠰᠢᠯᠭᠠᠷᠠᠭᠤᠯᠣᠯᠳᠠ ᠳᠤ ᠬᠢᠷᠢ ᠲᠡᠩᠴᠡᠭᠰᠡᠳ ᠲᠤ ᠨᠦᠬᠦᠪᠦᠷᠢ ᠶᠢ ᠪᠦᠬᠦᠨ ᠢ ᠣᠯᠭᠤᠵᠣ᠂ ᠡᠭᠦᠷᠭᠡ ᠲᠣᠰᠢᠶᠠᠯ ᠢᠶᠠᠨ ᠪᠡᠶᠡᠯᠡᠭᠦᠯᠦᠭᠰᠡᠨ ᠦᠭᠡᠢ ᠬᠠᠮᠠᠭᠠᠯᠠᠭᠴᠢ ᠶᠢᠨ ᠨᠦᠬᠦᠪᠦᠷᠢ ᠠᠴᠠ ᠵᠣᠬᠢᠬᠤ ᠬᠠᠷᠢᠴᠠᠯ ᠢᠶᠠᠷ ᠬᠠᠰᠣᠨ᠂ ᠬᠢᠨᠡᠨ ᠰᠢᠯᠭᠠᠷᠠᠭᠤᠯᠣᠯᠳᠠ ᠳᠤ ᠬᠢᠷᠢ ᠲᠡᠩᠴᠡᠭᠰᠡᠨ ᠦᠭᠡᠢ ᠬᠠᠮᠠᠭᠠᠯᠠᠭᠴᠢ ᠶᠢ ᠪᠠᠭᠤᠯᠭᠠᠨ᠎ᠠ᠃     ᠠᠷᠪᠠᠳᠦᠭᠠᠷ ᠵᠣᠶᠢᠯ   ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠢᠯᠡᠴᠢᠯᠡᠨ ᠮᠡᠳᠡᠭᠦᠯᠬᠦ ᠲᠦᠷᠢᠮ ᠲᠣᠭᠳᠠᠭᠠᠨ᠂ ᠬᠤᠰᠢᠭᠤᠨ ᠤ ᠨᠣᠳᠤᠭ ᠪᠡᠯᠴᠢᠭᠡᠷ  ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠢᠯᠡᠴᠢᠯᠡᠨ ᠮᠡᠳᠡᠭᠦᠯᠬᠦ ᠣᠳᠠᠰᠦ᠂ ᠢᠯᠡᠴᠢᠯᠡᠨ ᠮᠡᠳᠡᠭᠦᠯᠬᠦ ᠵᠠᠬᠢᠳᠠᠯ  ᠤᠨ ᠬᠠᠶᠢᠷᠴᠠᠭ ᠭᠠᠷᠭᠠᠵᠣ᠂ ᠬᠤᠯᠠᠭᠠᠢ ᠪᠠᠷ ᠪᠡᠯᠴᠢᠭᠡᠷᠯᠡᠭᠦᠯᠬᠦ ᠪᠣᠯᠣᠨ ᠲᠠᠭᠠᠭᠠᠴᠠ ᠠᠴᠠ ᠭᠡᠳᠦᠷᠡᠳᠡᠯ᠎ᠡ ᠮᠠᠯᠵᠢᠬᠤ ᠵᠢᠴᠢ ᠠᠵᠢᠯᠳᠠᠳ ᠤᠨ ᠬᠠᠣᠯᠢ ᠬᠡᠷᠡᠭᠵᠢᠭᠦᠯᠦᠯᠳᠡ ᠶᠢᠨ ᠡᠷᠴᠢᠮ ᠰᠣᠯᠠ᠂ ᠭᠤᠣᠯᠴᠢ ᠪᠣᠰᠣ᠂ ᠬᠠᠷᠢᠭᠤᠴᠠᠯᠭ᠎ᠠ ᠠᠯᠳᠠᠭᠰᠠᠨ ᠬᠡᠷᠡᠭ ᠣᠴᠢᠷ ᠢ ᠬᠦᠯᠢᠶᠡᠨ ᠠᠪᠣᠨ᠎ᠠ᠃    ᠠᠷᠪᠠᠨ ᠨᠢᠭᠡᠳᠦᠭᠡᠷ ᠵᠣᠶᠢᠯ   ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠢᠨᠠᠯᠳᠠ ᠬᠠᠮᠢᠶᠠᠷᠣᠯᠳᠠ ᠶᠢᠨ ᠠᠵᠢᠯ ᠲᠡᠭᠡᠷ᠎ᠡ ᠲᠣᠪᠣᠶᠢᠮ᠎ᠠ ᠦᠷ᠎ᠡ ᠪᠦᠳᠣᠮᠵᠢ ᠭᠠᠷᠭᠠᠭᠰᠠᠨ ᠪᠠᠶᠢᠭᠤᠯᠭ᠎ᠠ ᠪᠣᠯᠣᠨ ᠬᠤᠪᠢ ᠬᠦᠮᠦᠨ ᠢ ᠬᠦᠬᠢᠭᠦᠯᠦᠨ ᠱᠠᠩᠨᠠᠨ᠎ᠠ᠃     ᠠᠷᠪᠠᠨ ᠬᠤᠶᠠᠳᠣᠭᠠᠷ ᠵᠣᠶᠢᠯ   ᠬᠠᠮᠳᠦ ᠶᠢᠨ ᠦᠮᠴᠢᠯᠡᠯᠳᠦ ᠨᠣᠳᠤᠭ ᠪᠡᠯᠴᠢᠭᠡᠷ ᠢ ᠡᠯ᠎ᠡ ᠪᠠᠯᠭᠠᠰᠣᠨ ᠤ ᠠᠷᠠᠳ  ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠣᠯᠳᠠ ᠲᠣᠣᠷ᠎ᠠ᠂ ᠭᠠᠴᠠᠭ᠎ᠠ ᠲᠣᠰᠬᠤᠨ ᠤ ᠵᠦᠪᠯᠡᠯ ᠠᠴᠠ ᠨᠣᠳᠤᠭ ᠪᠡᠯᠴᠢᠭᠡᠷ ᠲᠠᠭᠠᠭᠠᠴᠢᠯᠠᠨ ᠡᠵᠡᠩᠨᠡᠭᠴᠢ ᠪᠣᠶᠣ ᠬᠡᠷᠡᠭᠯᠡᠭᠴᠢ ᠲᠠᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢᠨ ᠪᠢᠴᠢᠭ ᠲᠣᠭᠳᠠᠵᠣ᠂ ᠭᠠᠴᠠᠭ᠎ᠠ ᠲᠣᠰᠬᠤᠨ ᠤ ᠵᠦᠪᠯᠡᠯ ᠬᠠᠷᠢᠶᠠᠳᠦ ᠣᠷᠣᠨ ᠤ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠤᠨ ᠲᠠᠩᠰᠠ ᠡᠪᠬᠡᠮᠡᠯ ᠪᠠᠶᠢᠭᠤᠯᠬᠤ ᠶᠢ ᠬᠠᠷᠢᠭᠤᠴᠠᠨ᠎ᠠ᠃     ᠪᠦᠬᠦ ᠠᠷᠠᠳ ᠤᠨ ᠦᠮᠴᠢᠯᠡᠯᠳᠦ ᠨᠣᠳᠤᠭ ᠪᠡᠯᠴᠢᠭᠡᠷ ᠢ ᠬᠤᠰᠢᠭᠤᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠣᠯᠳᠠ ᠲᠣᠣᠷ᠎ᠠ᠂ ᠨᠣᠳᠤᠭ ᠪᠡᠯᠴᠢᠭᠡᠷ ᠤᠨ ᠬᠡᠷᠡᠭᠯᠡᠬᠦ ᠡᠷᠬᠡ  ᠶᠢᠨ ᠪᠠᠶᠢᠭᠤᠯᠭ᠎ᠠ ᠠᠴᠠ ᠨᠣᠳᠤᠭ ᠪᠡᠯᠴᠢᠭᠡᠷ ᠤᠨ ᠬᠡᠷᠡᠭᠯᠡᠭᠴᠢ ᠲᠠᠢ ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠪᠣᠯᠣᠨ‌ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢᠨ ᠪᠢᠴᠢᠭ ᠲᠣᠭᠳᠠᠨ᠎ᠠ᠃      ᠪᠡᠯᠴᠢᠭᠡᠷᠯᠡᠭᠦᠯᠬᠦ ᠶᠢ ᠬᠤᠷᠢᠭᠯᠠᠬᠤ᠂ ᠰᠡᠯᠡᠭᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ᠂ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢᠨ ᠪᠢᠴᠢᠭ ᠲᠣᠭᠳᠠᠬᠤ ᠪᠠ ᠨᠣᠳᠤᠭ ᠪᠡᠯᠴᠢᠭᠡᠷ ᠮᠡᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠤᠨ ᠲᠠᠩᠰᠠ ᠡᠪᠬᠡᠮᠡᠯ ᠢ ᠪᠠᠶᠢᠭᠤᠯᠣᠭᠰᠠᠨ ᠤ ᠲᠠᠷᠠᠭ᠎ᠠ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢᠭᠡᠳᠦᠯᠳᠡᠢ ᠬᠤᠷᠢᠶᠠᠩᠭᠤᠶᠢᠯᠠᠨ ᠲᠡᠪᠳᠡᠷ ᠪᠣᠯᠭᠠᠨ ᠡᠮᠬᠢᠳᠬᠡᠵᠣ᠂ ᠬᠤᠰᠢᠭᠤᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠳᠤ ᠲᠠᠩᠰᠠᠯᠠᠭᠤᠯᠣᠨ᠎ᠠ᠃     ᠠᠷᠪᠠᠨ ᠭᠤᠷᠪᠠᠳᠦᠭᠠᠷ ᠵᠣᠶᠢᠯ   ᠬᠤᠰᠢᠭᠤᠨ ᠤ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ︽3S︾ ᠮᠡᠷᠭᠡᠵᠢᠯ ᠪᠣᠯᠣᠨ ᠪᠣᠳᠠᠳᠦ ᠭᠠᠵᠠᠷ ᠤᠨ ᠬᠢᠨᠠᠨ ᠬᠡᠮᠵᠢᠯᠳᠡ ᠶᠢ ᠣᠶᠠᠯᠳᠣᠭᠤᠯᠬᠤ ᠠᠷᠭ᠎ᠠ  ᠪᠠᠷ ᠪᠦᠬᠦ ᠬᠤᠰᠢᠭᠤᠨ ᠤ ᠪᠠᠶᠢᠭᠠᠯᠢᠯᠢᠭ ᠨᠣᠳᠤᠭ ᠪᠡᠯᠴᠢᠭᠡᠷ ᠪᠣᠯᠣᠨ ᠲᠠᠷᠢᠮᠠᠯ ᠪᠡᠯᠴᠢᠭᠡᠷ ᠲᠤ ᠬᠢᠨᠠᠨ ᠬᠡᠮᠵᠢᠯᠳᠡ ᠬᠢᠵᠣ᠂ ︽ᠪᠠᠶᠢᠭᠠᠯᠢᠯᠢᠭ ᠨᠣᠳᠤᠭ ᠪᠡᠯᠴᠢᠭᠡᠷ ᠤᠨ ᠵᠢᠯ ᠤᠨ ᠡᠪᠡᠰᠦᠨ ᠤ ᠭᠠᠷᠣᠯᠳᠠ ᠶᠢᠨ ᠬᠢᠨᠠᠨ ᠬᠡᠮᠵᠢᠯᠳᠡ ᠶᠢᠨ ᠮᠡᠳᠡᠭᠦᠯᠦᠯᠳᠡ︾ ᠨᠠᠶᠢᠷᠠᠭᠤᠯᠣᠨ᠂ ᠡᠮᠦᠨ᠎ᠡ 5 ᠵᠢᠯ ᠤᠨ ᠨᠣᠳᠤᠭ ᠪᠡᠯᠴᠢᠭᠡᠷ ᠠᠮᠢ ᠠᠬᠤᠢ ᠶᠢᠨ ᠬᠢᠨᠡᠨ ᠬᠡᠮᠵᠢᠯᠳᠡ  ᠶᠢᠨ ᠲᠤᠭ᠎ᠠ ᠪᠠᠷᠢᠮᠳᠠ ᠪᠣᠯᠣᠨ ᠲᠣᠰ ᠵᠢᠯ ᠤᠨ ᠪᠠᠶᠢᠭᠠᠯᠢᠯᠢᠭ ᠨᠣᠳᠤᠭ ᠪᠡᠯᠴᠢᠭᠡᠷ ᠤᠨ ᠡᠪᠡᠰᠦᠨ ᠤ ᠭᠠᠷᠣᠯᠳᠠ ᠶᠢᠨ ᠬᠡᠮᠵᠢᠶ᠎ᠡ ᠶᠢ ᠦᠨᠳᠦᠰᠦᠯᠡᠨ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠠᠶᠢᠭᠠᠯᠢᠯᠢᠭ ᠨᠣᠳᠤᠭ ᠪᠠᠯᠴᠢᠭᠡᠷ ᠤᠨ ᠲᠣᠬᠢᠷᠠᠮᠵᠢᠳᠠᠢ ᠮᠠᠯ ᠤᠨ ᠪᠠᠭᠳᠠᠭᠠᠮᠵᠢ ᠶᠢ ᠪᠣᠳᠣᠬᠤ ᠪᠠᠷᠢᠮᠵᠢᠶ᠎ᠡ︾ ᠶᠣᠰᠣᠭᠠᠷ᠂ ᠠᠳᠠᠯᠢ ᠪᠣᠰᠣ ᠲᠦᠷᠦᠯ ᠤᠨ ᠨᠣᠳᠤᠭ ᠪᠡᠯᠴᠢᠭᠡᠷ ᠤᠨ ᠨᠢᠭᠡᠴᠢ ᠲᠠᠯᠠᠪᠠᠢ ᠶᠢᠨ ᠲᠣᠬᠢᠷᠠᠮᠵᠢᠳᠠᠢ ᠮᠠᠯ ᠤᠨ ᠪᠠᠭᠳᠠᠭᠠᠮᠵᠢ ᠪᠠᠷᠢᠮᠵᠢᠶ᠎ᠠ ᠶᠢ ᠪᠣᠳᠣᠵᠣ ᠭᠠᠷᠭᠠᠨ᠂ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠲᠣᠭᠳᠠᠭᠠᠬᠤ ᠡᠰᠢ ᠪᠠᠷᠢᠮᠳᠠ ᠬᠠᠩᠭᠠᠵᠣ᠂ ᠬᠤᠰᠢᠭᠤ ᠵᠠᠰᠠᠭ ᠤᠨ ᠣᠷᠳᠣᠨ ᠠᠴᠠ ᠪᠦᠬᠦ ᠬᠤᠰᠢᠭᠤᠨ ᠤ ︽ᠮᠠᠯᠵᠢᠯ ᠤᠨ ᠣᠨ ᠤ ᠪᠠᠶᠢᠭᠠᠯᠢᠯᠢᠭ ᠨᠣᠳᠤᠭ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠲᠣᠭᠳᠠᠭᠠᠬᠤ ᠠᠵᠢᠯ ᠤᠨ ᠬᠡᠷᠡᠭᠵᠢᠭᠦᠯᠬᠦ ᠲᠦᠰᠦᠯ︾ ᠢ ᠲᠣᠭᠳᠠᠭᠠᠨ ᠲᠠᠷᠬᠠᠭᠠᠨ᠎ᠠ᠃   ᠠᠷᠪᠠᠨ ᠲᠦᠷᠪᠡᠳᠦᠭᠡᠷ ᠵᠣᠶᠢᠯ   ᠡᠯ᠎ᠡ ᠪᠠᠯᠭᠠᠰᠦ ᠬᠤᠰᠢᠭᠤ ᠵᠠᠰᠠᠭ ᠤᠨ ᠣᠷᠳᠣᠨ ᠤ ᠲᠠᠷᠣᠮᠠᠯᠯᠠᠨ ᠲᠠᠷᠬᠠᠭᠠᠭᠰᠠᠨ ︽ᠮᠠᠯᠵᠢᠯ ᠤᠨ ᠣᠨ ᠤ ᠪᠠᠶᠢᠭᠠᠯᠢᠯᠢᠭ ᠨᠣᠳᠤᠭ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠲᠣᠭᠳᠠᠭᠠᠬᠤ ᠠᠵᠢᠯ ᠤᠨ ᠬᠡᠷᠡᠭᠵᠢᠭᠦᠯᠬᠦ ᠲᠦᠰᠦᠯ︾ ᠲᠤ ᠲᠣᠭᠳᠠᠭᠠᠭᠰᠠᠨ ᠠᠳᠠᠯᠢ ᠪᠣᠰᠣ ᠲᠦᠷᠦᠯ ᠤᠨ ᠨᠣᠳᠤᠭ ᠪᠡᠯᠴᠢᠭᠡᠷ ᠤᠨ ᠲᠣᠬᠢᠷᠠᠮᠵᠢᠳᠠᠢ ᠮᠠᠯ ᠤᠨ ᠪᠠᠭᠳᠠᠭᠠᠮᠵᠢ ᠶᠢᠨ ᠪᠠᠷᠢᠮᠵᠢᠶ᠎ᠠ ᠶᠢ ᠦᠨᠳᠦᠰᠦᠯᠡᠨ᠂ ᠨᠣᠳᠤᠭ ᠪᠡᠯᠴᠢᠭᠡᠷ ᠢ ᠬᠡᠷᠡᠭᠯᠡᠭᠴᠢ ᠪᠣᠶᠣ ᠲᠠᠭᠠᠭᠠᠴᠢᠯᠠᠨ ᠡᠵᠡᠩᠨᠡᠭᠴᠢ ᠶᠢᠨ ᠪᠠᠶᠢᠭᠠᠯᠢᠯᠢᠭ ᠨᠣᠳᠤᠭ ᠪᠡᠯᠴᠢᠭᠡᠷ᠂ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ︵ᠲᠠᠷᠢᠮᠠᠯ ᠪᠡᠯᠴᠢᠭᠡᠷ ᠢ ᠪᠠᠭᠳᠠᠭᠠᠨ᠎ᠠ︶ ᠵᠢᠴᠢ ᠪᠣᠰᠣᠳ ᠢᠷᠡᠯᠳᠡ ᠲᠠᠢ ᠲᠡᠵᠢᠭᠡᠯ ᠪᠣᠷᠳᠣᠭᠠᠨ ᠤ ᠣᠶᠢᠯᠠᠳᠪᠦᠷᠢᠯᠠᠯ ᠤᠨ ᠴᠢᠳᠠᠪᠬᠢ ᠲᠠᠢ ᠣᠶᠠᠯᠳᠣᠭᠤᠯᠣᠨ᠂ ᠡᠷᠦᠬᠡ ᠪᠠᠷ ᠨᠢᠭᠡᠴᠡ ᠪᠣᠯᠭᠠᠨ ᠪᠠᠶᠢᠭᠠᠯᠢᠯᠢᠭ ᠨᠣᠳᠤᠭ ᠪᠡᠯᠴᠢᠭᠡᠷ ᠤᠨ ᠲᠣᠬᠢᠷᠠᠮᠵᠢᠳᠠᠢ ᠮᠡᠯ ᠤᠨ ᠪᠠᠭᠳᠠᠭᠠᠮᠵᠢ ᠶᠢᠨ ᠲᠤᠭ᠎ᠠ ᠲᠣᠯᠣᠭᠠᠢ ᠶᠢ ᠲᠣᠭᠳᠠᠭᠠᠨ᠎ᠠ᠃     ᠮᠡᠯ ᠤᠨ ᠲᠤᠭ᠎ᠠ ᠲᠣᠯᠣᠭᠠᠢ ᠶᠢ ᠲᠣᠭᠳᠠᠭᠠᠬᠤ ᠦᠶ᠎ᠡ ᠳᠤ᠂ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ  ᠤ ᠣᠳᠣᠷᠢᠳᠣᠯᠭ᠎ᠠ ᠲᠣᠣᠷ᠎ᠠ᠂ ᠭᠠᠴᠠᠭ᠎ᠠ ᠲᠣᠰᠬᠤᠨ ᠠᠴᠠ ᠲᠠᠭᠠᠭᠠᠴᠢᠯᠠᠵᠣ ᠪᠠᠶᠢᠭ᠎ᠠ ︵ᠪᠠᠶᠢᠩᠭᠤ ᠰᠠᠭᠤᠭ᠎ᠠ︶ ᠺᠠᠳ᠋ᠷ ᠂ ᠭᠠᠴᠠᠭ᠎ᠠ ᠲᠣᠰᠬᠤᠨ ᠤ ︽ᠭᠤᠷᠪᠠᠨ ᠵᠦᠪᠯᠡᠯ︾ ᠤᠨ ᠭᠡᠰᠢᠭᠦᠳ᠂ ᠨᠣᠳᠤᠭ ᠪᠡᠯᠴᠢᠭᠡᠷ ᠬᠠᠮᠠᠭᠠᠯᠠᠭᠴᠢ᠂ ᠭᠡᠰᠢᠭᠦᠳ ᠤᠨ ᠲᠦᠯᠦᠭᠡᠯᠡᠭᠴᠢ ᠵᠡᠷᠭᠡ 5 — 7 ᠬᠦᠮᠦᠨ ᠢᠶᠠᠷ ᠭᠡᠰᠢᠭᠦᠨ ᠪᠣᠯᠭᠠᠭᠰᠠᠨ ᠨᠣᠳᠤᠭ ᠪᠡᠯᠴᠢᠭᠡᠷ ᠤᠨ ᠪᠠᠭᠳᠠᠭᠠᠮᠵᠢ ᠮᠠᠯ ᠤᠨ ᠲᠤᠭ᠎ᠠ ᠲᠣᠯᠣᠭᠠᠢ ᠶᠢ ᠦᠨᠡᠯᠡᠨ ᠲᠣᠭᠳᠠᠭᠠᠭᠬᠤ ᠲᠣᠭᠤᠶᠢᠯᠠᠩ ᠪᠠᠶᠢᠭᠤᠯᠣᠨ᠂ ᠡᠷᠦᠬᠡ ᠲᠠᠷᠠᠭᠠᠯᠠᠨ ᠪᠠᠶᠢᠴᠠᠭᠠᠵᠣ᠂ ᠮᠠᠯᠴᠢᠨ ᠲᠠᠷᠢᠶᠠᠴᠢᠨ ᠡᠷᠦᠬᠡ ᠶᠢᠨ ᠪᠠᠶᠢᠭᠠᠯᠢᠯᠢᠭ ᠨᠣᠳᠤᠭ ᠪᠡᠯᠴᠢᠭᠡᠷ ᠤᠨ ᠡᠪᠡᠰᠦ ᠪᠡᠯᠴᠢᠭᠡᠷ ᠪᠣᠯᠣᠨ ᠲᠡᠵᠢᠭᠡᠯ ᠪᠣᠷᠳᠣᠭᠠᠨ ᠤ ᠨᠦᠭᠡᠴᠡᠯᠡᠯᠳᠡ ᠶᠢᠨ ᠪᠠᠶᠢᠳᠠᠯ ᠢ ᠦᠨᠳᠦᠰᠦᠯᠡᠨ ᠮᠠᠯ ᠤᠨ ᠲᠤᠭ᠎ᠠ ᠲᠣᠯᠣᠭᠠᠢ ᠲᠣᠭᠳᠠᠭᠠᠵᠣ᠂ ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠶᠢ ᠲᠣᠭᠳᠠᠭᠠᠬᠤ ᠠᠵᠢᠯ ᠢ ᠡᠷᠬᠡ ᠲᠡᠭᠰᠢ ᠲᠦᠪ ᠭᠤᠣᠯᠴᠢ ᠢᠯᠡ ᠪᠠᠶᠢᠯᠭᠠᠨ᠎ᠠ᠃     ᠪᠡᠯᠴᠢᠭᠡᠷ ᠤᠨ ᠪᠠᠭᠳᠠᠭᠠᠮᠵᠢ ᠪᠠᠷ ᠮᠠᠯ ᠤᠨ ᠲᠤᠭ᠎ᠠ ᠲᠣᠯᠣᠭᠠᠢ ᠶᠢ ᠲᠣᠭᠳᠠᠭᠠᠬᠤ ᠠᠵᠢᠯ ᠢ ᠵᠢᠯ ᠪᠦᠷᠢ ᠶᠢᠨ 10 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 5 ᠤ ᠡᠳᠦᠷ ᠪᠣᠯᠳᠠᠯ᠎ᠠ ᠶᠠᠪᠣᠭᠳᠠᠭᠤᠯᠵᠣ᠂ 11 ᠰᠠᠷ᠎ᠠ  ᠶᠢᠨ 5 ᠤ ᠡᠳᠦᠷ ᠠᠴᠠ 10 ᠤ ᠡᠳᠦᠷ ᠪᠣᠯᠳᠠᠯ᠎ᠠ ᠭᠠᠴᠠᠭᠠᠨ ᠲᠡᠭᠡᠷ᠎ᠡ ᠲᠦᠪᠯᠡᠷᠡᠭᠦᠯᠦᠨ ᠨᠡᠶᠢᠳᠡᠯᠡᠨ᠎ᠡ᠂ 11 ᠰᠠᠷ᠎ᠠ  ᠶᠢᠨ 10 ᠤ ᠡᠳᠦᠷ ᠠᠴᠠ 12 ᠰᠠᠷ᠎ᠠ ᠶᠢᠨ 1 ᠤ ᠡᠳᠦᠷ ᠪᠣᠯᠳᠠᠯ᠎ᠠ ᠲᠠᠭᠠᠭᠠᠴᠠ ᠠᠴᠠ ᠬᠡᠳᠣᠷᠡᠭᠰᠡᠨ ᠮᠡᠯ ᠢ ᠰᠢᠢᠳᠪᠦᠷᠢᠯᠡᠬᠦ ᠬᠤᠭᠤᠴᠠᠭ᠎ᠠ ᠪᠣᠯᠣᠨ᠎ᠠ᠃     ᠠᠷᠪᠠᠨ ᠲᠠᠪᠣᠳᠦᠭᠠᠷ ᠵᠣᠶᠢᠯ   ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ  ᠶᠢ ᠭᠤᠷᠪᠠᠨ ᠵᠢᠯ ᠳᠤ ᠨᠢᠭᠡ ᠣᠳᠠᠭ᠎ᠠ ᠶᠠᠪᠣᠭᠳᠠᠭᠤᠯᠣᠨ᠂ ᠬᠤᠰᠢᠭᠤᠨ ᠤ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠪᠠᠶᠢᠭᠠᠯᠢᠯᠢᠭ ᠨᠣᠳᠤᠭ ᠪᠡᠯᠴᠢᠭᠡᠷ ᠪᠣᠯᠣᠨ ᠲᠠᠷᠢᠮᠠᠯ ᠪᠡᠯᠴᠢᠭᠡᠷ ᠤᠨ ᠵᠢᠯ ᠤᠨ ᠡᠪᠡᠰᠦᠨ ᠤ ᠭᠠᠷᠣᠯᠳᠠ ᠶᠢᠨ ᠴᠢᠳᠠᠪᠬᠢ ᠶᠢ ᠬᠢᠨᠠᠨ ᠰᠢᠯᠭᠠᠭᠰᠠᠨ ᠮᠡᠳᠡᠭᠦᠯᠦᠯᠳᠡ ᠪᠠᠨ ᠬᠤᠰᠢᠭᠤ ᠠᠷᠠᠳ ᠤᠨ ᠵᠠᠰᠠᠭ  ᠤᠨ ᠣᠷᠳᠣᠨ ᠳᠤ ᠬᠠᠩᠭᠠᠵᠣ᠂ ᠭᠤᠷᠪᠠᠨ ᠵᠢᠯ ᠤᠨ ᠬᠢᠨᠠᠨ ᠰᠢᠯᠭᠠᠯᠳᠠ ᠶᠢᠨ ᠲᠣᠮᠳᠠᠴᠢ ᠲᠤᠭ᠎ᠠ ᠶᠢ ᠦᠨᠳᠦᠰᠦᠯᠡᠨ᠂ ᠣᠯᠣᠰ᠂ ᠦᠪᠡᠷᠳᠡᠬᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠳᠠᠭᠠᠯ ᠪᠣᠯᠣᠨ ᠪᠠᠷᠢᠮᠵᠢᠶ᠎ᠠ ᠶᠣᠰᠣᠭᠠᠷ᠂ ᠨᠣᠳᠤᠭ ᠪᠡᠯᠴᠢᠭᠡᠷ ᠢ ᠬᠡᠷᠡᠭᠯᠡᠭᠴᠢ ᠪᠣᠯᠣᠨ ᠲᠠᠭᠠᠭᠠᠴᠢᠯᠠᠨ ᠡᠵᠡᠩᠨᠡᠭᠴᠢ ᠳᠤ ᠠᠳᠠᠯᠢ ᠪᠣᠰᠣ ᠲᠦᠷᠦᠯ ᠤᠨ ᠪᠠᠶᠢᠭᠠᠯᠢᠯᠢᠭ ᠨᠣᠳᠤᠭ ᠪᠡᠯᠴᠢᠭᠡᠷ ᠤᠨ ᠪᠠᠭᠳᠠᠭᠠᠮᠵᠢ ᠳᠤ ᠲᠣᠬᠢᠷᠠᠭᠰᠠᠨ ᠮᠠᠯ ᠤᠨ ᠲᠤᠭ᠎ᠠ ᠲᠣᠯᠣᠭᠠᠢ ᠶᠢᠨ ᠪᠠᠷᠢᠮᠵᠢᠶ᠎ᠠ  ᠶᠢ ᠨᠡᠶᠢᠳᠡᠯᠡᠨ᠎ᠡ᠃     ᠠᠷᠪᠠᠨ ᠵᠢᠷᠭᠤᠳᠦᠭᠠᠷ ᠵᠣᠶᠢᠯ   ︽ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ ᠲᠦᠷᠢᠮ︾ ᠤᠨ ᠲᠦᠴᠢᠨ ᠬᠤᠶᠠᠳᠦᠭᠠᠷ ᠵᠣᠶᠢᠯ ᠢ ᠦᠨᠳᠦᠰᠦᠯᠡᠨ᠂ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠪᠡᠯᠴᠢᠭᠡᠷ ᠤᠨ ᠪᠠᠭᠳᠠᠭᠠᠮᠵᠢ ᠲᠣᠭᠳᠠᠭᠠᠵᠣ᠂ ᠮᠡᠯ ᠤᠨ ᠲᠤᠭ᠎ᠠ ᠶᠢ ᠮᠠᠯᠵᠢᠯ ᠤᠨ ᠣᠨ ᠤ ᠲᠤᠭ᠎ᠠ ᠪᠠᠷᠢᠮᠳᠠ ᠪᠠᠷ ᠪᠠᠷᠢᠮᠵᠢᠶ᠎ᠠ ᠪᠣᠯᠭᠠᠨ᠂ ᠡᠯ᠎ᠡ ᠲᠦᠷᠦᠯ ᠤᠨ ᠮᠠᠯ ᠢ ᠬᠤᠨᠢᠨ ᠨᠢᠭᠡᠴᠢ ᠪᠠᠷ ᠨᠣᠭᠤᠯᠣᠨ ᠪᠣᠳᠣᠨ᠎ᠠ᠄ ᠨᠢᠭᠡ ᠰᠢᠳᠦ ᠭᠦᠢᠴᠡᠭᠰᠡᠨ ᠬᠤᠨᠢ ︵ᠢᠮᠠᠭ᠎ᠠ︶ = 1 ᠬᠤᠨᠢᠨ ᠨᠢᠭᠡᠴᠢ᠂ ᠨᠢᠭᠡ ᠦᠬᠡᠷ = 5 ᠬᠤᠨᠢᠨ ᠨᠢᠭᠡᠴᠢ᠂ ᠨᠢᠭᠡ ᠮᠣᠷᠢ = 6 ᠬᠤᠨᠢᠨ ᠨᠢᠭᠡᠴᠢ᠂ ᠨᠢᠭᠡ ᠯᠠᠭᠤᠰᠠ = 5 ᠬᠤᠨᠢᠨ ᠨᠢᠭᠡᠴᠢ᠂ ᠨᠢᠭᠡ ᠡᠯᠵᠢᠭᠡ = 3 ᠬᠤᠨᠢᠨ ᠨᠢᠭᠡᠴᠢ᠂ ᠨᠢᠭᠡ ᠲᠡᠮᠡᠭᠡ = 7 ᠬᠤᠨᠢᠨ ᠨᠢᠭᠡᠴᠢ ᠲᠠᠢ ᠲᠡᠩᠴᠡᠨ᠎ᠡ︔ ᠲᠣᠰ ᠵᠢᠯ ᠤᠨ 3 ᠲᠦᠯ ᠢ 1 ᠰᠢᠳᠦ ᠭᠦᠢᠴᠡᠭᠰᠡᠨ ᠮᠠᠯ ᠢᠶᠠᠷ ᠨᠣᠭᠤᠯᠵᠣ ᠪᠣᠳᠣᠨ᠎ᠠ᠃     ᠠᠷᠪᠠᠨ ᠲᠣᠯᠣᠳᠦᠭᠠᠷ ᠵᠣᠶᠢᠯ   ᠬᠤᠰᠢᠭᠤᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠠᠳᠠᠯᠢ ᠪᠣᠰᠣ ᠲᠦᠷᠦᠯ ᠤᠨ ᠨᠣᠳᠤᠭ ᠪᠡᠯᠴᠢᠭᠡᠷ ᠤᠨ ᠮᠠᠯ ᠤᠨ ᠪᠠᠭᠳᠠᠭᠠᠮᠵᠢ ᠶᠢᠨ ᠪᠠᠷᠢᠮᠵᠢᠶ᠎ᠠ ᠪᠠ ᠲᠤᠭ᠎ᠠ ᠲᠣᠯᠣᠭᠠᠢ ᠶᠢ ᠲᠣᠭᠳᠠᠭᠠᠬᠤ ᠳᠤ ᠪᠠᠨ ᠨᠣᠳᠤᠭ ᠪᠡᠯᠴᠢᠭᠡᠷ ᠢ ᠬᠡᠷᠡᠭᠯᠡᠭᠴᠢ ᠪᠣᠶᠣ ᠲᠠᠭᠠᠭᠠᠴᠢᠯᠠᠨ ᠡᠵᠡᠩᠨᠡᠭᠴᠢ ᠶᠢᠨ ᠰᠠᠨᠠᠯ ᠢ ᠰᠣᠨᠣᠰᠴᠦ᠂ ᠲᠣᠰᠬᠠᠢ ᠮᠡᠷᠭᠡᠵᠢᠯᠳᠡᠨ ᠢᠶᠠᠷ ᠨᠣᠳᠠᠯᠠᠯᠳᠠ ᠬᠢᠯᠭᠡᠵᠣ᠂ ᠨᠣᠳᠤᠭ ᠪᠡᠯᠴᠢᠭᠡᠷ ᠤᠨ ᠪᠠᠭᠳᠠᠭᠠᠮᠵᠢ ᠶᠢᠨ ᠪᠠᠷᠢᠮᠵᠢᠶ᠎ᠠ ᠪᠣᠯᠣᠨ ᠮᠠᠯ ᠤᠨ ᠲᠤᠭ᠎ᠠ ᠲᠣᠯᠣᠭᠠᠢ ᠲᠣᠭᠳᠠᠭᠠᠯᠳᠠ ᠶᠢᠨ ᠰᠢᠨᠵᠢᠯᠡᠬᠦ ᠣᠬᠠᠭᠠᠨᠴᠢ ᠴᠢᠨᠠᠷ ᠪᠣᠯᠣᠨ ᠵᠦᠢ ᠵᠣᠬᠢᠰᠳᠦ ᠴᠢᠨᠠᠷ ᠢ ᠪᠠᠳᠣᠯᠠᠨ᠎ᠠ᠃     ᠠᠷᠪᠠᠨ ᠨᠠᠢᠮᠳᠦᠭᠠᠷ ᠵᠣᠶᠢᠯ   ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ  ᠶᠢᠨ ᠬᠢᠨᠠᠨ ᠲᠣᠭᠳᠠᠭᠠᠯ ᠳᠤ ᠲᠣᠣᠷᠠᠬᠢ ᠪᠠᠶᠢᠳᠠᠯ ᠢ ᠪᠠᠭᠳᠠᠭᠠᠨ᠎ᠠ᠄     ︵ᠨᠢᠭᠡ︶ ᠪᠠᠶᠢᠭᠠᠯᠢᠯᠢᠭ ᠨᠣᠳᠤᠭ ᠪᠡᠯᠴᠢᠭᠡᠷ ᠤᠨ ᠲᠦᠷᠦᠯ᠂ ᠲᠡᠰ᠂ ᠲᠠᠯᠠᠪᠠᠢ᠂ ᠡᠪᠡᠰᠦᠨ ᠤ ᠭᠠᠷᠣᠯᠳᠠ︔     ︵ᠬᠤᠶᠠᠷ︶ ᠲᠠᠷᠢᠮᠠᠯ ᠪᠡᠯᠴᠢᠭᠡᠷ᠂ ᠲᠡᠵᠢᠭᠡᠯ ᠪᠣᠷᠳᠤᠭ᠎ᠠ ᠲᠠᠷᠢᠭᠰᠠᠨ ᠲᠠᠯᠠᠪᠠᠢ᠂ ᠲᠡᠵᠢᠭᠡᠯ ᠪᠣᠷᠳᠣᠭᠠᠨ ᠤ ᠣᠨᠣᠯᠳᠠ︔     ︵ᠭᠤᠷᠪᠠ︶ ᠲᠣᠭᠳᠠᠭᠤᠨ ᠢᠷᠡᠯᠳᠡ ᠲᠠᠢ ᠪᠣᠰᠣᠳ ᠲᠡᠵᠢᠭᠡᠯ ᠪᠣᠷᠳᠤᠭ᠎ᠠ︔    ︵ᠲᠦᠷᠪᠡ︶ ᠲᠡᠵᠢᠭᠡᠯ ᠪᠣᠷᠳᠣᠭᠠᠨ ᠤ ᠶᠡᠷᠦᠩᠬᠡᠢ ᠬᠡᠮᠵᠢᠶ᠎ᠡ ᠶᠢ ᠦᠨᠳᠦᠰᠦᠯᠡᠨ ᠪᠠᠭᠳᠠᠭᠠᠮᠵᠢ ᠲᠣᠬᠢᠷᠠᠮᠵᠢᠳᠠᠢ ᠮᠡᠯ ᠤᠨ ᠲᠤᠭ᠎ᠠ ᠲᠣᠯᠣᠭᠠᠢ ᠶᠢ ᠪᠣᠳᠣᠬᠤ︔    ︵ᠲᠠᠪᠤ︶ ᠪᠣᠳᠠᠳᠠᠢ ᠠᠷᠠᠴᠢᠯᠠᠨ ᠲᠡᠵᠢᠭᠡᠵᠤ ᠪᠠᠶᠢᠭ᠎ᠠ ᠮᠠᠯ ᠤᠨ ᠲᠦᠷᠦᠯ ᠪᠣᠯᠣᠨ ᠲᠤᠭ᠎ᠠ ᠲᠣᠯᠣᠭᠠᠢ︔    ︵ᠵᠢᠷᠭᠤᠭ᠎ᠠ︶ ᠪᠠᠶᠢᠭᠠᠯᠢᠯᠢᠭ ᠨᠣᠳᠤᠭ ᠪᠡᠯᠴᠢᠭᠡᠷ ᠤᠨ ᠬᠠᠮᠠᠭᠠᠯᠠᠯᠳᠠ᠂ ᠪᠠᠶᠢᠭᠤᠯᠣᠯᠳᠠ᠂ ᠠᠰᠢᠭᠯᠠᠯᠳᠠ ᠶᠢᠨ ᠪᠠᠶᠢᠳᠠᠯ ᠪᠣᠯᠣᠨ ᠡᠯᠡᠰᠦᠵᠢᠭᠰᠡᠨ᠂ ᠮᠠᠭᠤᠳᠠᠭᠰᠠᠨ ᠪᠠᠶᠢᠳᠠᠯ︔    ᠠᠷᠪᠠ ᠶᠢᠰᠦᠳᠦᠭᠡᠷ ᠵᠣᠶᠢᠯ   ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠦᠨ ᠪᠠᠶᠢᠭᠠᠯᠢᠯᠢᠭ ᠪᠡᠯᠴᠢᠭᠡᠷ ᠤᠨ ᠮᠠᠯ ᠤᠨ ᠪᠠᠭᠳᠠᠭᠠᠮᠵᠢ ᠲᠣᠭᠳᠠᠭᠠᠬᠤ ᠳᠤ᠂ ᠨᠣᠳᠤᠭ ᠪᠡᠯᠴᠢᠭᠡᠷ ᠢ ᠬᠡᠷᠡᠭᠯᠡᠭᠴᠢ ᠪᠣᠶᠣ ᠲᠠᠭᠠᠭᠠᠴᠢᠯᠠᠨ ᠡᠵᠡᠩᠨᠡᠭᠴᠢ ᠶᠢᠨ ᠲᠠᠷᠢᠮᠠᠯ ᠪᠡᠯᠴᠢᠭᠡᠷ ᠪᠣᠯᠣᠨ ᠲᠡᠵᠢᠭᠡᠯ ᠪᠣᠷᠳᠣᠭᠠᠨ ᠤ ᠬᠡᠮᠵᠢᠶ᠎ᠡ ᠨᠡᠮᠡᠭᠳᠡᠭᠰᠡᠨ ᠪᠣᠯ᠂ ᠣᠣᠯ ᠲᠣᠭᠳᠠᠭᠠᠭᠰᠠᠨ ᠪᠠᠭᠳᠠᠭᠠᠮᠵᠢ ᠶᠢᠨ ᠰᠠᠭᠤᠷᠢ ᠲᠡᠭᠡᠷ᠎ᠡ ᠠᠷᠠᠴᠢᠯᠠᠨ ᠲᠡᠵᠢᠭᠡᠬᠦ ᠮᠠᠯ ᠤᠨ ᠲᠤᠭ᠎ᠠ ᠲᠣᠯᠣᠭᠠᠢ ᠶᠢ  ᠨᠢ ᠨᠡᠮᠡᠭᠳᠡᠭᠦᠯᠦᠨ᠎ᠡ᠂ ᠨᠡᠮᠡᠭᠳᠡᠭᠰᠡᠨ ᠮᠠᠯ ᠢᠶᠠᠨ ᠬᠠᠰᠢᠶᠠᠯᠠᠨ ᠲᠡᠵᠢᠭᠡᠵᠣ᠂ ᠪᠠᠶᠢᠭᠠᠯᠢᠯᠢᠭ ᠨᠣᠳᠤᠭ ᠪᠡᠯᠴᠢᠭᠡᠷ ᠤᠨ ᠲᠠᠷᠣᠭᠠᠰᠦ ᠶᠢ ᠬᠦᠩᠭᠡᠷᠡᠭᠦᠯᠦᠨ᠂ ᠲᠠᠭᠠᠭᠠᠴᠠ ᠠᠴᠠ ᠬᠡᠳᠦᠷᠡᠭᠦᠯᠦᠨ ᠨᠣᠳᠤᠭ ᠪᠡᠯᠴᠢᠭᠡᠷ ᠢ ᠮᠠᠭᠤᠳᠠᠭᠤᠯᠬᠤ ᠶᠢ ᠪᠦᠳᠦᠮᠵᠢᠳᠡᠢ ᠬᠢᠵᠠᠭᠠᠷᠯᠠᠵᠣ᠂ ᠨᠣᠳᠤᠭ ᠪᠡᠯᠴᠢᠭᠡᠷ ᠢ ᠦᠷᠭᠦᠯᠵᠢᠬᠦᠶᠢᠴᠡ ᠠᠰᠢᠭᠯᠠᠨ᠎ᠠ᠃   ᠬᠤᠷᠢᠳᠦᠭᠠᠷ ᠵᠣᠶᠢᠯ   ᠬᠤᠰᠢᠭᠤᠨ ᠤ ᠨᠣᠳᠤᠭ ᠪᠡᠯᠴᠢᠭᠡᠷ ᠤᠨ ᠬᠢᠨᠡᠯᠳᠠ ᠬᠠᠮᠢᠶᠠᠷᠣᠯᠳᠠ ᠶᠢᠨ ᠪᠠᠶᠢᠭᠤᠯᠣᠮᠵᠢ ᠵᠢᠯ ᠪᠦᠷᠢ ᠮᠠᠯ ᠤᠨ ᠲᠤᠭ᠎ᠠ ᠲᠣᠯᠣᠭᠠᠢ ᠨᠣᠳᠤᠭ ᠪᠡᠯᠴᠢᠭᠡᠷ ᠤᠨ ᠲᠡᠩᠴᠡᠭᠦᠷᠢᠰᠢᠭᠦᠯᠦᠯᠳᠡ ᠶᠢᠨ ᠪᠠᠶᠢᠳᠠᠯ ᠳᠤ ᠰᠣᠭᠤᠴᠢᠨ ᠪᠠᠶᠢᠴᠠᠭᠠᠯᠳᠠ ᠬᠢᠨ᠎ᠡ᠃ ᠰᠣᠭᠤᠴᠢᠨ ᠪᠠᠶᠢᠴᠠᠭᠠᠬᠤ ᠠᠭᠤᠯᠭ᠎ᠠ᠄   ︵ᠨᠢᠭᠡ︶ ᠪᠠᠶᠢᠭᠠᠯᠢᠯᠢᠭ ᠪᠡᠯᠴᠢᠭᠡᠷ ᠤᠨ ᠣᠶᠢᠯᠠᠳᠪᠦᠷᠢᠯᠠᠯ᠂ ᠠᠰᠢᠭᠯᠠᠯᠳᠠ ᠶᠢᠨ ᠪᠠᠶᠢᠳᠠᠯ ᠢ ᠪᠠᠶᠢᠴᠠᠭᠠᠨ ᠦᠨᠡᠯᠡᠨ᠎ᠡ︔   ︵ᠬᠤᠶᠠᠷ︶ ᠲᠡᠵᠢᠭᠡᠯ ᠪᠣᠷᠳᠣᠭᠠᠨ ᠤ ᠶᠡᠷᠦᠩᠬᠡᠢ ᠬᠡᠮᠵᠢᠶ᠎ᠡ ᠶᠢ ᠪᠠᠶᠢᠴᠠᠭᠠᠬᠤ ᠪᠠ ᠲᠦᠰᠦᠭᠯᠡᠨ ᠪᠣᠳᠣᠨ᠎ᠠ᠂ ᠲᠠᠷᠣᠢ ᠲᠣᠰ ᠵᠢᠯ ᠤᠨ ᠪᠠᠶᠢᠭᠠᠯᠢᠯᠢᠭ ᠪᠡᠯᠴᠢᠭᠡᠷ᠂ ᠲᠠᠷᠢᠮᠠᠯ ᠪᠡᠯᠴᠢᠭᠡᠷ ᠪᠣᠯᠣᠨ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ᠵᠢᠴᠢ ᠪᠣᠰᠣᠳ ᠢᠷᠡᠯᠳᠡ ᠲᠠᠢ ᠲᠡᠵᠢᠭᠡᠯ ᠪᠣᠷᠳᠣᠭᠠᠨ ᠤ ᠨᠡᠶᠢᠯᠡᠪᠦᠷᠢ︔   ︵ᠭᠤᠷᠪᠠ︶ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠠᠷᠢᠭᠤᠴᠠᠯᠭ᠎ᠠ ᠶᠢᠨ ᠪᠢᠴᠢᠭ ᠪᠣᠯᠣᠨ ᠪᠡᠯᠴᠢᠭᠡᠷ ᠤᠨ ᠪᠠᠭᠳᠠᠭᠠᠮᠵᠢ ᠲᠣᠭᠳᠠᠭᠠᠭᠰᠠᠨ ᠪᠠᠶᠢᠳᠠᠯ ᠢ ᠪᠠᠶᠢᠴᠠᠭᠠᠨ᠎ᠠ᠃    ᠬᠤᠷᠢᠨ ᠨᠢᠭᠡᠳᠦᠭᠡᠷ ᠵᠣᠶᠢᠯ   ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠡᠪᠡᠰᠦ ᠲᠠᠷᠢᠬᠤ᠂ ᠬᠠᠰᠢᠶᠡᠯᠡᠨ ᠲᠡᠵᠢᠭᠡᠬᠦ᠂ ᠡᠭᠡᠯᠵᠢᠯᠡᠨ ᠪᠡᠯᠴᠢᠭᠡᠷᠯᠡᠭᠦᠯᠬᠦ᠂ ᠴᠠᠭ ᠬᠢᠵᠠᠭᠠᠷᠯᠠᠨ ᠪᠡᠯᠴᠢᠭᠡᠷᠯᠡᠭᠦᠯᠬᠦ ᠵᠡᠷᠭᠡ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠮᠡᠷᠭᠡᠵᠢᠯ ᠤᠨ ᠲᠠᠯ᠎ᠠ ᠪᠠᠷ ᠮᠠᠯᠴᠢᠨ ᠲᠠᠷᠢᠶᠠᠴᠢᠨ ᠢ ᠵᠢᠯᠣᠭᠤᠳᠣᠨ᠂ ᠵᠣᠷᠢᠭᠵᠢᠭᠤᠯᠣᠨ ᠲᠡᠮᠵᠢᠵᠣ᠂ ᠮᠠᠯᠴᠢᠨ ᠲᠠᠷᠢᠶᠠᠴᠢᠨ ᠤᠨ ᠲᠣᠰᠬᠠᠢ ᠬᠤᠷᠰᠢᠶᠠᠵᠢᠯ  ᠳᠤ ᠣᠷᠣᠬᠤ ᠶᠢ ᠵᠣᠷᠢᠭᠵᠢᠭᠤᠯᠣᠨ᠂ ᠮᠠᠯ ᠲᠠᠷᠢᠶᠠᠯᠠᠩ ᠤᠨ ᠣᠶᠢᠯᠠᠰ ᠤᠨ ᠵᠣᠬᠢᠶᠠᠨ ᠪᠠᠶᠢᠭᠤᠯᠣᠯᠳᠠ ᠶᠢᠨ ᠲᠦᠪᠰᠢᠨ  ᠢ ᠲᠡᠭᠡᠭᠰᠢᠯᠡᠭᠦᠯᠵᠣ᠂ ᠮᠠᠯ ᠤᠨ ᠰᠢᠢᠳᠪᠦᠷᠢᠯᠡᠯᠳᠡ ᠶᠢ ᠲᠦᠷᠭᠡᠳᠬᠡᠨ᠂ ᠪᠠᠶᠢᠭᠠᠯᠢᠯᠢᠭ ᠪᠡᠯᠴᠢᠭᠡᠷ ᠲᠤ ᠪᠡᠯᠴᠢᠭᠡᠷᠯᠡᠭᠦᠯᠬᠦ  ᠶᠢ ᠪᠠᠭᠠᠰᠬᠠᠵᠣ᠂ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠦᠨ᠎ᠡ᠃     ᠬᠤᠷᠢᠨ ᠬᠤᠶᠠᠳᠣᠭᠠᠷ ᠵᠣᠶᠢᠯ   ᠨᠣᠳᠤᠭ ᠪᠠᠯᠴᠢᠭᠡᠷ ᠲᠠᠭᠠᠭᠠᠴᠢᠯᠠᠨ ᠡᠵᠡᠩᠨᠡᠭᠴᠢ ᠪᠣᠶᠣ ᠬᠡᠷᠡᠭᠯᠡᠭᠴᠢ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠠᠢ ᠬᠤᠯᠪᠣᠭᠳᠠᠬᠤ ᠬᠠᠮᠢᠶ᠎ᠠ ᠪᠦᠬᠦᠢ ᠲᠣᠭᠳᠠᠭᠠᠯ ᠢ ᠨᠠᠷᠢᠨ ᠬᠢᠨᠠᠮᠠᠭᠠᠢ ᠭᠦᠢᠴᠡᠳᠬᠡᠨ᠎ᠡ᠃    ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠬᠠᠮᠢᠶᠠᠷᠣᠯᠳᠠ ᠶᠢᠨ ᠬᠤᠭᠤᠴᠠᠭᠠᠨ ᠳᠤ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠣᠭᠳᠠᠭᠠᠯ ᠢ ᠵᠦᠷᠢᠴᠡᠭᠰᠡᠳ ᠢ ᠬᠤᠰᠢᠭᠤᠨ ᠤ ᠨᠣᠳᠤᠭ ᠪᠡᠯᠴᠢᠭᠡᠷ ᠤᠨ ᠬᠢᠨᠠᠯᠳᠠ ᠬᠠᠮᠢᠶᠠᠷᠣᠯᠳᠠ ᠶᠢᠨ ᠪᠠᠶᠢᠭᠤᠯᠭ᠎ᠠ ︽ᠨᠣᠳᠤᠭ ᠪᠡᠯᠴᠢᠭᠡᠷ ᠤᠨ ᠬᠠᠣᠯᠢ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠣᠳᠤᠭ ᠪᠡᠯᠴᠢᠭᠡᠷ ᠤᠨ ᠬᠠᠮᠢᠶᠠᠷᠣᠯᠳᠠ  ᠶᠢᠨ ᠲᠦᠷᠢᠮ︾᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠦᠨᠳᠦᠰᠦᠨ ᠨᠣᠳᠤᠭ ᠪᠡᠯᠴᠢᠭᠡᠷ  ᠤᠨ ᠬᠠᠮᠠᠭᠠᠯᠠᠯᠳᠠ ᠶᠢᠨ ᠲᠦᠷᠢᠮ︾ ᠵᠡᠷᠭᠡ ᠬᠤᠯᠪᠣᠭᠳᠠᠯ ᠪᠦᠬᠦᠢ ᠲᠣᠭᠳᠠᠭᠠᠯ ᠢ ᠦᠨᠳᠦᠰᠦᠯᠡᠨ ᠬᠠᠣᠯᠢ ᠶᠣᠰᠣᠭᠠᠷ ᠪᠠᠶᠢᠴᠠᠭᠠᠨ ᠰᠢᠳᠬᠡᠨ᠎ᠡ᠃    ᠬᠤᠷᠢᠨ ᠭᠤᠷᠪᠠᠳᠣᠭᠠᠷ ᠵᠣᠶᠢᠯ   ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠠᠵᠢᠯ ᠳᠤ ᠵᠢᠯ ᠤᠨ ᠡᠴᠦᠰ ᠤᠨ ᠬᠢᠨᠠᠨ ᠰᠢᠯᠭᠠᠷᠠᠭᠤᠯᠣᠯᠳᠠ  ᠶᠢᠨ ᠲᠦᠷᠢᠮ ᠢ ᠬᠡᠷᠡᠭᠵᠢᠭᠦᠯᠦᠨ᠂ ᠬᠤᠰᠢᠭᠤᠨ ᠠᠴᠠ ᠪᠠᠯᠭᠠᠰᠣᠨ ᠤ ᠠᠵᠢᠯ ᠤᠨ ᠪᠦᠳᠦᠮᠵᠢ ᠶᠢᠨ ᠰᠢᠯᠠᠭᠠᠷᠠᠭᠤᠯᠣᠯᠳᠠ ᠶᠢᠨ ᠬᠡᠪᠴᠢᠶᠠᠨ ᠳᠤ ᠣᠷᠣᠭᠤᠯᠵᠣ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠲᠦᠷᠢᠮ᠂ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠡᠭᠦᠷᠭᠡ ᠱᠠᠭᠠᠷᠳᠠᠯᠭ᠎ᠠ ᠪᠠᠨ ᠨᠠᠶᠢᠳᠠᠪᠦᠷᠢᠵᠢᠭᠤᠯᠣᠭᠰᠠᠨ ᠦᠭᠡᠢ ᠪᠠᠯᠭᠠᠰᠣ ᠭᠠᠴᠠᠭ᠎ᠠ ᠲᠣᠰᠬᠤᠨ ᠬᠤᠪᠢ ᠬᠦᠮᠦᠨ ᠢ ᠵᠢᠯ ᠤᠨ ᠡᠴᠦᠰ ᠤᠨ ᠪᠦᠳᠦᠮᠵᠢ ᠶᠢᠨ ᠰᠢᠯᠭᠠᠷᠠᠭᠤᠯᠣᠯᠳᠠ ᠳᠤ ᠰᠢᠯᠢᠳᠡᠭ ᠦᠨᠡᠯᠡᠯᠳᠡ ᠣᠯᠭᠤᠵᠤ ᠪᠣᠯᠬᠤ ᠦᠭᠡᠢ︔ ᠠᠵᠢᠯ ᠢᠶᠠᠨ ᠰᠠᠶᠢᠳᠣᠷ ᠪᠡᠶᠡᠯᠡᠭᠦᠯᠦᠭᠰᠡᠨ ᠦᠭᠡᠢ᠂ ᠠᠷᠭ᠎ᠠ ᠬᠡᠮᠵᠢᠶ᠎ᠡ ᠠᠪᠣᠭᠰᠠᠨ ᠦᠭᠡᠢ ᠠᠴᠠ ᠲᠣᠰ ᠭᠠᠵᠠᠷ ᠤᠨ ᠨᠣᠳᠤᠭ ᠪᠡᠯᠴᠢᠭᠡᠷ ᠢᠯᠡᠷᠬᠡᠢ ᠮᠠᠭᠤᠳᠠᠨ ᠲᠠᠴᠢᠷᠳᠠᠵᠣ᠂ ᠠᠮᠢ ᠠᠬᠤᠢ ᠶᠢᠨ ᠣᠷᠴᠢᠨ ᠳᠤ ᠨᠣᠴᠢᠳᠠᠢ ᠡᠪᠳᠡᠭᠳᠡᠯ ᠣᠴᠠᠷᠠᠭᠤᠯᠣᠭᠰᠠᠨ ᠪᠣᠯ᠂ ᠬᠠᠮᠢᠶ᠎ᠠ ᠪᠦᠬᠦᠢ ᠣᠳᠣᠷᠢᠳᠣᠯᠭ᠎ᠠ ᠠᠴᠠ ᠬᠠᠷᠢᠭᠤᠴᠠᠯᠭ᠎ᠠ ᠨᠡᠭᠡᠮᠵᠢᠯᠡᠨ᠎ᠡ᠃    ᠬᠤᠷᠢᠨ ᠲᠦᠷᠪᠡᠳᠦᠭᠡᠷ ᠵᠣᠶᠢᠯ   ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠣᠯᠣᠨ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠤᠨ ᠨᠠᠶᠢᠳᠠᠪᠦᠷᠢᠵᠢᠭᠤᠯᠣᠯᠳᠠ ᠪᠣᠯᠣᠨ ᠨᠣᠳᠤᠭ ᠪᠡᠯᠴᠢᠭᠡᠷ ᠠᠮᠢ ᠠᠬᠤᠢ ᠶᠢᠨ ᠨᠦᠬᠦᠪᠦᠷᠢ ᠱᠠᠩᠨᠠᠯ ᠤᠨ ᠪᠡᠯᠡ  ᠮᠦᠩᠭᠦ ᠶᠢ ᠬᠤᠯᠪᠣᠭᠳᠠᠭᠤᠯᠣᠭᠰᠠᠨ ᠬᠦᠬᠢᠭᠦᠯᠦᠯ ᠤᠨ ᠲᠦᠷᠢᠮ ᠢ ᠲᠣᠭᠳᠠᠭᠠᠨ᠎ᠠ᠃     ᠡᠯ᠎ᠡ ᠪᠠᠯᠭᠠᠰᠦ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠲᠦᠷᠢᠮ᠂ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠡᠭᠦᠷᠭᠡ ᠱᠠᠭᠠᠷᠳᠠᠯᠭ᠎ᠠ ᠪᠠᠨ ᠨᠠᠶᠢᠳᠠᠪᠦᠷᠢᠵᠢᠭᠤᠯᠣᠭᠰᠠᠨ ᠦᠭᠡᠢ ᠪᠣᠯ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠣᠯᠣᠨ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠣᠰ ᠵᠢᠯ ᠤᠨ ᠨᠣᠳᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠳᠠ  ᠶᠢᠨ ᠨᠦᠬᠦᠪᠦᠷᠢ ᠱᠠᠩᠨᠠᠯ ᠤᠨ ᠪᠡᠯᠡ ᠮᠦᠩᠭᠦ ᠶᠢ ᠬᠠᠰᠣᠵᠣ ᠪᠠᠭᠠᠰᠬᠠᠨ᠎ᠠ᠃     ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠣᠳᠤᠭ ᠪᠡᠯᠴᠢᠭᠡᠷ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠬᠡᠷᠡᠭᠵᠢᠭᠦᠯᠬᠦ ᠲᠦᠰᠦᠯ︾ ᠤᠨ ᠲᠣᠭᠳᠠᠭᠠᠯ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠬᠤᠭᠤᠴᠠᠭᠠᠨ ᠳᠤ ᠲᠦᠷᠢᠮ ᠲᠣᠭᠳᠠᠭᠠᠯ ᠢ ᠵᠦᠷᠢᠴᠡᠭᠰᠡᠨ ᠮᠠᠯᠴᠢᠨ ᠲᠠᠷᠢᠶᠠᠴᠢᠨ ᠡᠷᠦᠬᠡ ᠶᠢ ᠨᠣᠳᠤᠭ ᠪᠡᠯᠴᠢᠭᠡᠷ ᠤᠨ ᠬᠠᠣᠯᠢ ᠲᠦᠷᠢᠮ ᠶᠣᠰᠣᠭᠠᠷ ᠪᠠᠶᠢᠴᠠᠭᠠᠨ ᠰᠢᠳᠬᠡᠨ᠎ᠡ᠃ ᠪᠦᠬᠦ ᠵᠢᠯ ᠳᠤ 3 ᠣᠳᠠᠭ᠎ᠠ ᠠᠴᠠ ᠲᠡᠭᠡᠭᠰᠢ ᠲᠦᠷᠢᠮ ᠢ ᠵᠦᠷᠢᠴᠡᠨ ᠬᠤᠯᠭᠠᠶᠢᠯᠠᠨ ᠪᠡᠯᠴᠢᠭᠡᠷᠯᠡᠭᠦᠯᠪᠡᠯ ᠲᠣᠰ ᠵᠢᠯ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠨᠦᠬᠦᠪᠦᠷᠢ ᠶᠢᠨ 40% ᠶᠢ ᠣᠯᠭᠤᠬᠤ ᠦᠭᠡᠢ︔ ᠪᠦᠬᠦ ᠵᠢᠯ ᠳᠤ 5 ᠣᠳᠠᠭ᠎ᠠ  ᠠᠴᠠ ᠲᠡᠭᠡᠭᠰᠢ ᠲᠦᠷᠢᠮ ᠢ ᠵᠦᠷᠢᠴᠡᠨ ᠬᠤᠯᠭᠠᠶᠢᠯᠠᠨ ᠪᠡᠯᠴᠢᠭᠡᠷᠯᠡᠭᠦᠯᠪᠡᠯ ᠪᠦᠬᠦ ᠵᠢᠯ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠨᠦᠬᠦᠪᠦᠷᠢ ᠶᠢ ᠣᠯᠭᠤᠬᠤ ᠦᠭᠡᠢ᠃    ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠬᠦᠬᠢᠭᠦᠯᠦᠯ ᠱᠠᠩᠨᠠᠯ ᠤᠨ ᠮᠦᠩᠭᠦ ᠬᠦᠷᠳᠡᠭᠰᠡᠨ ᠮᠠᠯᠴᠢᠨ ᠲᠠᠷᠢᠶᠠᠴᠢᠨ ᠡᠷᠦᠬᠡ ᠪᠡᠯᠴᠢᠭᠡᠷ ᠤᠨ ᠪᠠᠭᠳᠠᠭᠠᠮᠵᠢ ᠪᠠᠷ ᠮᠡᠯ ᠤᠨ ᠲᠤᠭ᠎ᠠ ᠲᠣᠯᠣᠭᠠᠢ ᠶᠢ ᠲᠣᠭᠳᠠᠭᠠᠬᠤ᠂ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠲᠣᠭᠳᠠᠭᠰᠠᠨ ᠬᠤᠭᠤᠴᠠᠭᠠᠨ ᠤ ᠲᠣᠳᠣᠷ᠎ᠠ ᠲᠠᠭᠠᠭᠠᠴᠠ ᠠᠴᠠ ᠬᠡᠳᠦᠷᠡᠭᠰᠡᠨ ᠮᠠᠯ ᠢᠶᠠᠨ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠦᠭᠰᠡᠨ ᠦᠭᠡᠢ ᠮᠠᠯᠴᠢᠨ ᠲᠠᠷᠢᠶᠠᠴᠢᠨ ᠡᠷᠦᠭᠡ ᠶᠢ ᠨᠣᠳᠤᠭ ᠪᠠᠯᠴᠢᠭᠡᠷ ᠤᠨ ᠬᠠᠣᠯᠢ ᠲᠦᠷᠢᠮ ᠤᠨ ᠬᠤᠯᠪᠣᠭᠳᠠᠯ ᠪᠦᠬᠦᠢ ᠲᠣᠭᠳᠠᠭᠠᠯ ᠶᠣᠰᠣᠭᠠᠷ ᠪᠠᠶᠢᠴᠠᠭᠠᠨ ᠰᠢᠳᠬᠡᠨ᠎ᠡ᠃ ᠪᠠᠶᠢᠭᠠᠯᠢᠯᠢᠭ ᠨᠣᠳᠤᠭ ᠪᠡᠯᠴᠢᠭᠡᠷ ᠤᠨ ᠲᠠᠭᠠᠭᠠᠴᠠ ᠠᠴᠠ ᠬᠡᠳᠦᠷᠡᠭᠰᠡᠨ ᠮᠠᠯ ᠤᠨ ᠲᠤᠭ᠎ᠠ ᠪᠠᠭᠳᠠᠭᠠᠮᠵᠢ ᠶᠢᠨ ᠲᠤᠭ᠎ᠠ ᠶᠢᠨ 30%  ᠠᠴᠠ ᠲᠠᠪᠠᠭᠠᠳ 3 ᠣᠳᠠᠭ᠎ᠠ ︵ᠭᠤᠷᠪᠠᠳᠣᠭᠠᠷ ᠣᠳᠠᠭ᠎ᠠ ᠶᠢ ᠪᠠᠭᠳᠠᠭᠠᠨ᠎ᠠ︶ ᠠᠴᠠ ᠲᠡᠭᠡᠭᠰᠢ ᠪᠣᠯᠣᠭᠰᠠᠨ ᠪᠣᠯ ᠲᠣᠰ ᠵᠢᠯ ᠤᠨ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠨᠦᠬᠦᠪᠦᠷᠢ ᠶᠢᠨ 40% ᠶᠢ ᠣᠯᠭᠤᠬᠤ ᠦᠭᠡᠢ︔ ᠪᠦᠬᠦ ᠵᠢᠯ ᠳᠤ 5 ᠣᠳᠠᠭ᠎ᠠ ᠠᠴᠠ ᠲᠡᠭᠡᠭᠰᠢ ᠪᠣᠯᠣᠭᠰᠠᠨ ᠪᠣᠯ ᠪᠦᠬᠦ ᠵᠢᠯ ᠤᠨ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠨᠦᠬᠦᠪᠦᠷᠢ ᠶᠢ ᠣᠯᠭᠤᠬᠤ ᠦᠭᠡᠢ᠃    ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢᠨ ᠲᠡᠩᠴᠡᠭᠦᠷᠢᠰᠢᠭᠦᠯᠦᠯᠳᠡ ᠶᠢᠨ ᠨᠦᠬᠦᠪᠦᠷᠢ ᠠᠴᠠ ᠬᠠᠰᠣᠭᠰᠠᠨ ᠮᠦᠩᠭᠦ ᠶᠢ ᠪᠦᠬᠦᠨ ᠢ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠨᠦᠬᠦᠪᠦᠷᠢ ᠰᠠᠭᠤᠷᠢ ᠮᠦᠩᠭᠦᠨ ᠤ ᠲᠣᠰᠬᠠᠢ ᠲᠠᠩᠰᠠ ᠡᠷᠦᠬᠡ ᠳᠤ ᠣᠷᠣᠭᠤᠯᠵᠣ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠪᠠᠶᠢᠭᠤᠯᠣᠯᠳᠠ ᠳᠤ ᠢᠯᠡᠷᠬᠡᠢ ᠪᠦᠳᠦᠮᠵᠢ ᠭᠠᠷᠭᠠᠭᠰᠠᠨ ᠮᠠᠯᠴᠢᠨ ᠡᠷᠦᠬᠡ ᠶᠢ ᠬᠦᠬᠢᠭᠦᠯᠦᠨ᠎ᠡ᠃    ᠬᠤᠷᠢᠨ ᠲᠠᠪᠣᠳᠣᠭᠠᠷ ᠵᠣᠶᠢᠯ   ᠬᠤᠰᠢᠭᠤ ᠪᠠᠯᠭᠠᠰᠦ ᠬᠤᠶᠠᠷ ᠱᠠᠳᠣᠨ ᠤ ᠵᠠᠰᠠᠭ ᠤᠨ ᠣᠷᠳᠣᠨ ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠢ ᠨᠠᠶᠢᠳᠠᠪᠦᠷᠢᠵᠢᠭᠤᠯᠬᠤ ᠬᠠᠮᠢᠶ᠎ᠠ ᠪᠦᠬᠦᠢ ᠪᠠᠶᠢᠭᠤᠯᠭ᠎ᠠ ᠪᠣᠯᠣᠨ ᠠᠵᠢᠯᠳᠠᠨ ᠤ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠨ᠎ᠠ᠃    ᠪᠡᠯᠴᠢᠭᠡᠷᠯᠡᠭᠦᠯᠬᠦ ᠶᠢ ᠬᠤᠷᠢᠭᠯᠠᠨ ᠰᠡᠯᠡᠭᠦᠨ ᠮᠠᠯᠵᠢᠬᠤ ᠪᠠ ᠨᠣᠳᠤᠭ ᠪᠡᠯᠴᠢᠭᠡᠷ ᠮᠠᠯ ᠤᠨ ᠲᠤᠭ᠎ᠠ ᠲᠣᠯᠣᠭᠠᠢ ᠶᠢ ᠲᠡᠩᠴᠡᠭᠦᠷᠢᠰᠢᠭᠦᠯᠬᠦ ᠲᠦᠷᠢᠮ ᠢ ᠨᠠᠶᠢᠳᠠᠪᠦᠷᠢᠵᠢᠭᠤᠯᠬᠤ ᠠᠵᠢᠯᠳᠠᠨ ᠦᠨᠡᠨᠴᠢ ᠪᠠᠷ ᠲᠣᠰᠢᠶᠠᠯ ᠢᠶᠠᠨ ᠭᠦᠢᠴᠡᠳᠬᠡᠵᠣ᠂ ᠲᠦᠪ ᠭᠤᠣᠯᠴᠢ᠂ ᠬᠠᠣᠯᠢ ᠶᠣᠰᠣᠭᠠᠷ ᠠᠵᠢᠯ ᠢᠶᠠᠨ ᠪᠡᠶᠡᠯᠡᠭᠦᠯᠦᠨ᠎ᠡ᠃ ᠲᠣᠰᠢᠶᠠᠯ ᠢᠶᠠᠨ ᠭᠤᠳᠣᠭᠠᠭᠰᠠᠨ᠂ ᠡᠷᠬᠡ  ᠪᠠᠨ ᠠᠰᠢᠭᠯᠠᠭᠰᠠᠨ᠂ ᠬᠠᠣᠯᠢ ᠶᠣᠰᠣᠭᠠᠷ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠣᠶᠣ ᠬᠠᠣᠯᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠬᠡᠭᠰᠡᠨ ᠦᠭᠡᠢ᠂ ᠬᠤᠷᠢᠭᠯᠠᠭᠰᠠᠨ ᠦᠭᠡᠢ᠂ ᠭᠤᠶᠠᠴᠢᠯᠠᠨ ᠬᠠᠣᠯᠢ ᠵᠦᠷᠢᠴᠡᠵᠣ᠂ ᠲᠣᠰᠢᠶᠠᠯ ᠢᠶᠠᠨ ᠭᠤᠳᠣᠭᠠᠨ ᠬᠠᠷᠢᠭᠤᠴᠠᠯᠭ᠎ᠠ ᠠᠯᠳᠠᠵᠣ ᠬᠦᠨᠳᠦ ᠨᠣᠴᠢᠳᠠᠢ ᠦᠷ᠎ᠡ ᠳ᠋ᠦᠩ ᠭᠠᠷᠭᠠᠪᠠᠯ ᠵᠠᠰᠠᠭ ᠵᠠᠬᠢᠷᠭᠠᠨ ᠤ ᠰᠢᠳᠬᠡᠯ ᠣᠯᠭᠤᠨ᠎ᠠ︔ ᠶᠡᠯ᠎ᠠ ᠪᠦᠷᠢᠯᠳᠦᠪᠡᠯ᠂ ᠬᠠᠣᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠷᠢᠨ ᠵᠢᠷᠭᠤᠳᠦᠭᠠᠷ ᠵᠣᠶᠢᠯ   ᠲᠣᠰ ᠠᠷᠭ᠎ᠠ ᠶᠢ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠬᠠᠷᠢᠭᠤᠴᠠᠨ ᠲᠠᠶᠢᠯᠪᠣᠷᠢᠯᠠᠨ᠎ᠠ᠃    ᠬᠤᠷᠢᠨ ᠲᠣᠯᠣᠳᠦᠭᠠᠷ ᠵᠣᠶᠢᠯ   ᠲᠣᠰ ᠲᠦᠷᠢᠮ ᠢ ᠨᠡᠶᠢᠳᠡᠯᠡᠭᠰᠡᠨ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠂ 2022 ᠣᠨ ᠤ 9 ᠰᠠᠷ᠎ᠠ ᠶᠢᠨ 18 ᠤ ᠡᠳᠦᠷ ᠪᠣᠯᠳᠠᠯ᠎ᠡ ᠬᠦᠴᠦᠨ ᠲᠠᠢ᠃                                                                                                                                                                                   ᠤᠲᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ       2017 ᠤᠨ ᠤ 9 ᠰᠠᠷ᠎ᠠ ᠶᠢᠨ 19 ᠤ ᠡᠳᠤᠷ ᠲᠠᠷᠤᠮᠠᠯᠯᠠᠨ ᠲᠠᠷᠬᠠᠭᠠᠪᠠ                                
 
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号