︽ᠣᠳᠤᠭ ᠤᠨ ᠡᠮᠦᠨᠡᠳᠦ ᠬᠤᠰᠢᠭᠤᠨ ᠤ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡ ᠶᠢ ᠠᠬᠢᠭᠤᠯᠬᠤ | ᠠᠵᠢᠯ ᠤᠨ ᠲᠦᠰᠦᠯ︾ ᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠤᠨ ᠡᠮᠦᠨᠡᠳᠦ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ | ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ ᠵᠢᠴᠢ | ᠡᠯ᠎ᠡ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ ᠳᠤ᠄ | ︽ᠣᠳᠤᠭ ᠤᠨ ᠡᠮᠦᠨᠡᠳᠦ ᠬᠤᠰᠢᠭᠤᠨ ᠤ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡ ᠶᠢ ᠠᠬᠢᠭᠤᠯᠬᠤ | ᠠᠵᠢᠯ ᠤᠨ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠵᠦᠪᠰᠢᠶᠡᠷᠡᠵᠣ ᠲᠠᠷᠬᠠᠭᠠᠪᠠ᠂ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠳᠤᠭᠠᠢ᠃ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2017 ᠣᠨ ᠤ 4 ᠰᠠᠷ᠎ᠠ ᠶᠢᠨ 21 ᠤ ᠡᠳᠦᠷ | ᠣᠳᠤᠭ ᠤᠨ ᠡᠮᠦᠨᠡᠳᠦ ᠬᠤᠰᠢᠭᠤᠨ ᠤ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡ ᠶᠢ ᠠᠬᠢᠭᠤᠯᠬᠤ | ᠠᠵᠢᠯ ᠤᠨ ᠲᠦᠰᠦᠯ | ᠮᠠᠯᠵᠢᠬᠤ ᠲᠠᠷᠢᠶᠠᠯᠠᠬᠤ ᠣᠷᠣᠨ ᠤ ᠦᠷᠭᠡᠨ ᠪᠦᠰᠡᠳᠦ ᠰᠦᠯᠵᠢᠶᠡᠨ ᠤ ᠪᠠᠶᠢᠭᠤᠯᠣᠯᠳᠠ ᠶᠢ ᠲᠦᠷᠭᠡᠳᠬᠡᠨ᠂ | ᠬᠤᠳᠠ ᠬᠦᠳᠡᠭᠡ ᠶᠢᠨ ᠲᠣᠭᠠᠴᠠᠯᠠᠭᠰᠠᠨ ᠮᠡᠷᠭᠡᠵᠢᠯ ᠠᠰᠢᠭᠯᠠᠯᠳᠠ ᠶᠢᠨ ᠵᠦᠷᠢᠶ᠎ᠡ ᠶᠢ ᠪᠠᠭᠠᠰᠬᠠᠵᠣ᠂ ᠮᠠᠯᠵᠢᠬᠤ | ᠲᠠᠷᠢᠶᠠᠯᠠᠬᠤ ᠣᠷᠣᠨ ᠤ ᠠᠵᠣ ᠠᠬᠤᠢ ᠶᠢᠨ ᠬᠦᠭᠵᠢᠯᠳᠡ᠂ ᠠᠷᠠᠳ ᠤᠨ ᠠᠮᠢᠳᠣᠷᠠᠯ ᠢ ᠰᠠᠶᠢᠵᠢᠷᠠᠭᠤᠯᠵᠣ᠂ ᠬᠡᠰᠡᠭ | ᠪᠦᠯᠦᠭ ᠦᠷᠭᠡᠨ ᠪᠦᠰᠡᠳᠦ ᠰᠦᠯᠵᠢᠶ᠎ᠡ ᠨᠡᠪᠳᠡᠷᠡᠭᠰᠡᠨ ᠦᠭᠡᠢ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ | ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠠᠰᠠᠭᠤᠳᠠᠯ ᠪᠣᠶᠣ ᠬᠤᠯᠪᠣᠭᠠᠨ ᠰᠦᠯᠵᠢᠶᠡᠨ ᠤ ᠪᠦᠷᠭᠦᠴᠡ ᠶᠢᠨ | ᠴᠢᠨᠠᠷ ᠮᠠᠭᠤ ᠦᠵᠡᠭᠳᠡᠯ ᠢ ᠰᠢᠢᠳᠪᠦᠷᠢᠯᠡᠨ᠂ ︽ᠣᠷᠳᠣᠰ ᠬᠤᠳᠠ ᠶᠢᠨ ᠴᠠᠬᠢᠯᠭᠠᠨ ᠬᠤᠯᠪᠣᠭᠠᠨ ᠤ ᠲᠦᠭᠡᠮᠡᠯ | ᠣᠶᠢᠯᠡᠴᠢᠯᠡᠭᠡᠨ ᠤ ᠲᠣᠷᠰᠢᠯᠳᠠ ᠶᠢᠨ ᠲᠦᠷᠦᠯ ᠵᠣᠶᠢᠯ ᠢ ᠠᠬᠢᠭᠤᠯᠬᠤ ᠠᠵᠢᠯ ᠤᠨ ᠲᠦᠰᠦᠯ︾ ᠤᠨ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠬᠤᠰᠢᠭᠤᠨ ᠤ ᠲᠣᠷᠰᠢᠯᠳᠠ ᠶᠢᠨ ᠲᠦᠷᠦᠯ ᠵᠣᠶᠢᠯ ᠤᠨ ᠪᠠᠶᠢᠭᠤᠯᠣᠯᠳᠠ ᠶᠢ ᠲᠦᠷᠭᠡᠳᠬᠡᠵᠣ᠂ | ᠲᠣᠷᠰᠢᠯᠳᠡ ᠶᠢᠨ ᠬᠠᠷᠠᠯᠳᠠ ᠶᠢᠨ ᠣᠷᠣᠭᠰᠢᠳᠠᠢ ᠪᠡᠶᠡᠯᠡᠭᠳᠡᠬᠦ ᠪᠠ ᠰᠢᠯᠭᠠᠨ ᠬᠤᠷᠢᠶᠠᠯᠳᠠ ᠶᠢ ᠣᠷᠣᠭᠰᠢᠳᠠᠢ | ᠲᠣᠭᠤᠯᠬᠤ ᠶᠢ ᠪᠠᠳᠣᠯᠠᠬᠤ ᠶᠢᠨ ᠲᠣᠰᠠᠳᠠ᠂ ᠲᠣᠰ ᠠᠵᠢᠯ ᠤᠨ ᠲᠦᠰᠦᠯ ᠢ ᠲᠣᠭᠳᠠᠭᠠᠪᠠ᠃ | ᠨᠢᠭᠡ᠂ ᠠᠵᠢᠯ ᠤᠨ ᠬᠠᠷᠠᠯᠳᠠ | 2017 ᠣᠨ ᠳᠤ᠂ ᠮᠡᠨ ᠤ ᠬᠤᠰᠢᠭᠤᠨ ᠤ ᠭᠡᠷᠡᠯᠯᠢᠭ ᠦᠷᠭᠡᠨ ᠪᠦᠰᠡᠳᠦ ᠰᠦᠯᠵᠢᠶ᠎ᠡ ᠨᠡᠪᠳᠡᠷᠡᠭᠡ ᠦᠭᠡᠢ | 51 ᠭᠠᠴᠠᠭ᠎ᠠ ᠲᠣᠰᠬᠤᠨ ᠳᠤ ︵ᠮᠠᠨ ᠤ ᠬᠤᠰᠢᠭᠤᠨ ᠳᠤ ᠨᠡᠶᠢᠳᠡ 68 ᠭᠠᠴᠠᠭ᠎ᠠ ᠲᠣᠰᠬᠤᠨ ᠲᠠᠢ᠂ 17 ᠳᠤ ᠨᠢ | ᠨᠢᠭᠡᠨᠳᠠ ᠨᠡᠪᠳᠡᠷᠡᠪᠡ︶ ᠭᠡᠷᠡᠯᠯᠢᠭ ᠦᠷᠭᠡᠨ ᠪᠦᠰᠡ ᠨᠡᠪᠳᠡᠷᠡᠭᠦᠯᠵᠣ᠂ 68 ᠭᠠᠴᠠᠭ᠎ᠠ ᠲᠣᠰᠬᠤᠨ ᠤ ᠴᠠᠬᠢᠯᠭᠠᠨ | ᠬᠤᠯᠪᠣᠭᠠᠨ ᠤ ᠲᠦᠭᠡᠮᠡᠯ ᠣᠶᠢᠯᠡᠴᠢᠯᠡᠭᠡ ᠶᠢᠨ ᠪᠦᠬᠦ ᠪᠦᠷᠬᠦᠴᠡ ᠶᠢ ᠪᠡᠶᠡᠯᠡᠭᠦᠯᠦᠨ᠎ᠡ᠃ ᠪᠠᠶᠢᠭᠤᠯᠣᠯᠳᠠ ᠶᠢᠨ ᠪᠡᠯᠡ | ᠮᠦᠩᠭᠦ ᠶᠢ ᠲᠣᠮᠳᠠᠳᠦ ᠣᠯᠣᠰ ᠤᠨ ᠨᠢᠭᠡᠳᠦᠮᠡᠯ ᠬᠤᠯᠪᠣᠭᠠᠨ ᠤ ᠣᠷᠳᠣᠰ ᠬᠤᠳᠠ ᠶᠢᠨ ᠬᠤᠪᠢᠶᠠᠷᠢ ᠺᠣᠮᠫᠠᠨᠢ | ᠬᠠᠷᠢᠭᠤᠴᠠᠨ᠎ᠠ᠃ | ᠬᠤᠶᠠᠷ᠂ ᠠᠵᠢᠯ ᠤᠨ ᠲᠣᠰᠢᠶᠠᠯ ᠬᠠᠷᠢᠭᠤᠴᠠᠯᠭ᠎ᠠ | ᠲᠣᠷᠰᠢᠯᠳᠠ ᠶᠢᠨ ᠲᠦᠷᠦᠯ ᠵᠣᠶᠢᠯ ᠤᠨ ᠡᠮᠬᠢ ᠵᠠᠮᠪᠠᠷᠠᠭ᠎ᠠ ᠲᠠᠢ ᠠᠬᠢᠯᠳᠠ ᠶᠢ ᠪᠠᠳᠣᠯᠠᠬᠤ ᠶᠢᠨ ᠲᠣᠰᠠᠳᠠ᠂ | ᠬᠤᠳᠠ ᠶᠢᠨ ᠮᠡᠳᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢᠨ ᠣᠳᠣᠷᠢᠳᠬᠤ | ᠲᠣᠭᠤᠶᠢᠯᠠᠩ ᠲᠠᠢ ᠬᠠᠮᠳᠦ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠣᠷᠰᠢᠯᠳᠠ ᠶᠢᠨ ᠴᠡᠭ ᠤᠨ | ᠪᠠᠶᠢᠭᠤᠯᠣᠯᠳᠠ ᠶᠢᠨ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠠᠬᠢᠭᠤᠯᠣᠨ᠎ᠠ᠃ ᠮᠠᠨ ᠤ ᠬᠤᠰᠢᠭᠤᠨ ᠤ ᠡᠯ᠎ᠡ | ᠰᠠᠯᠠᠭ᠎ᠠ ᠮᠦᠴᠢᠷ ᠵᠢᠴᠢ ᠡᠯ᠎ᠡ ᠪᠠᠯᠭᠠᠰᠣᠨ ᠤ ᠵᠠᠰᠠᠭ ᠤᠨ ᠣᠷᠳᠣᠨ ᠬᠠᠷᠠᠭᠠᠯᠵᠠᠭᠰᠠᠨ ᠪᠠᠶᠢᠭᠤᠯᠣᠮᠵᠢ ᠪᠠᠶᠢᠭᠤᠯᠣᠨ᠂ | ᠲᠦᠷᠦᠯ ᠵᠣᠶᠢᠯ ᠤᠨ ᠬᠡᠷᠡᠭᠵᠢᠭᠦᠯᠦᠯᠳᠡ ᠶᠢ ᠠᠬᠢᠭᠤᠯᠣᠨ᠎ᠠ᠃ | ︵ᠨᠢᠭᠡ︶ ᠠᠵᠣ ᠠᠬᠤᠢ ᠮᠡᠳᠡᠭᠡ ᠵᠠᠩᠬᠢ ᠶᠢᠨ ᠲᠣᠪᠴᠢᠶ᠎ᠠ ︵ᠣᠳᠣᠷᠢᠳᠬᠤ ᠲᠣᠭᠤᠶᠢᠯᠠᠩ ᠤᠨ ᠠᠯᠪᠠᠨ ᠭᠡᠷ︶ | ᠃ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠣᠷᠰᠢᠯᠳᠡ ᠶᠢᠨ ᠴᠡᠭ ᠤᠨ ᠪᠠᠶᠢᠭᠤᠯᠣᠯᠳᠠ ᠶᠢᠨ | ᠠᠵᠢᠯ ᠢ ᠶᠡᠷᠦᠩᠬᠡᠶᠢᠯᠡᠨ ᠲᠣᠬᠢᠷᠠᠭᠤᠯᠬᠤ᠂ ᠰᠢᠪᠠᠳᠠᠨ ᠪᠠᠶᠢᠴᠠᠭᠠᠬᠤ᠂ ᠵᠢᠯᠣᠭᠤᠳᠬᠤ ᠪᠠ ᠰᠢᠯᠠᠭᠠᠬᠤ ᠶᠢ | ᠬᠠᠷᠢᠭᠤᠴᠠᠵᠣ᠂ ᠠᠵᠢᠯ ᠤᠨ ᠠᠬᠢᠭᠤᠯᠣᠯᠳᠠ ᠶᠢᠨ ᠲᠦᠰᠦᠯ ᠲᠣᠭᠳᠠᠭᠠᠨ᠂ ᠬᠡᠷᠡᠭᠵᠢᠭᠦᠯᠦᠯᠳᠡ ᠲᠣᠮᠳᠠ | ᠲᠣᠬᠢᠶᠠᠯᠳᠣᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠣ᠂ ᠬᠤᠯᠪᠣᠭᠳᠠᠯ ᠪᠦᠬᠦᠢ | ᠮᠠᠲ᠋ᠧᠷᠢᠶᠠᠯ᠂ ᠮᠡᠳᠡᠭᠡ ᠵᠠᠩᠬᠢ ᠶᠢ ᠴᠣᠭᠯᠠᠭᠤᠯᠣᠨ ᠮᠡᠳᠡᠭᠦᠯᠬᠦ ᠠᠵᠢᠯ ᠢ ᠰᠠᠶᠢᠳᠦᠷ ᠬᠢᠨ᠎ᠠ᠃ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠬᠠᠮᠳᠦ ᠪᠠᠷ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠣᠷᠰᠢᠯᠳᠠ ᠶᠢᠨ ᠴᠡᠭ ᠤᠨ | ᠲᠦᠷᠦᠯ ᠵᠣᠶᠢᠯ ᠤᠨ ᠪᠠᠶᠢᠭᠤᠯᠣᠯᠳᠠ ᠶᠢ ᠢᠳᠡᠪᠬᠢᠳᠡᠢ ᠰᠢᠪᠠᠳᠠᠨ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ | ᠨᠠᠶᠢᠳᠠᠪᠦᠷᠢᠵᠢᠭᠤᠯᠣᠨ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠣᠷᠰᠢᠯᠳᠠ ᠶᠢᠨ ᠴᠡᠭ ᠤᠨ | ᠲᠦᠷᠦᠯ ᠵᠣᠶᠢᠯ ᠢ ᠣᠶᠣᠨᠴᠢ ᠬᠤᠳᠠ᠂ ᠡᠯᠧᠺᠲᠷᠣᠨ ᠵᠠᠰᠠᠭ ᠤᠨ ᠶᠠᠪᠣᠳᠠᠯ᠂ ᠨᠡᠶᠢᠭᠡᠮ ᠨᠡᠶᠢᠳᠡ ᠶᠢᠨ ᠣᠶᠢᠯᠡᠴᠢᠯᠡᠭᠡ᠂ | ᠪᠣᠳᠠᠰᠯᠢᠭ ᠰᠦᠯᠵᠢᠶ᠎ᠡ᠂ ᠰᠦᠯᠵᠢᠶᠡᠨ ᠬᠤᠳᠠᠯᠳᠤᠭ᠎ᠠ ᠵᠡᠷᠭᠡ ᠬᠦᠷᠢᠶ᠎ᠡ ᠬᠡᠪᠴᠢᠶᠡᠨ ᠳᠤ ᠬᠡᠷᠡᠭᠵᠢᠭᠦᠯᠬᠦ ᠶᠢ | ᠵᠢᠯᠣᠭᠤᠳᠣᠨ ᠵᠣᠷᠢᠭᠵᠢᠭᠤᠯᠣᠨ᠎ᠠ᠃ | ︵ᠬᠤᠶᠠᠷ︶ ᠣᠬᠠᠭᠤᠯᠬᠤ ᠬᠡᠯᠳᠡᠰ᠃ ᠶᠠᠷᠢᠶ᠎ᠠ ᠬᠡᠯᠡᠯᠴᠡᠭᠡᠨ ᠤ ᠣᠳᠣᠷᠢᠳᠣᠮᠵᠢ ᠶᠢ ᠰᠠᠶᠢᠳᠦᠷ ᠬᠢᠨ᠂ ᠣᠯᠠᠨ | ᠠᠷᠭ᠎ᠠ ᠵᠠᠮ ᠢ ᠭᠦᠢᠴᠡᠳ ᠠᠰᠢᠭᠯᠠᠨ ᠮᠡᠷᠭᠡᠵᠢᠯ ᠤᠨ ᠲᠦᠭᠡᠮᠡᠯᠵᠢᠭᠦᠯᠦᠯᠳᠡ ᠶᠢᠨ ᠣᠬᠠᠭᠤᠯᠭ᠎ᠠ ᠶᠢᠨ ᠬᠦᠴᠦᠨ ᠢ | ᠴᠢᠩᠭᠠᠳᠬᠠᠨ᠎ᠠ᠃ ᠴᠢᠮᠡᠭᠡ ᠬᠤᠯᠪᠣᠭ᠎ᠠ᠂ ᠷᠠᠳᠢᠤ᠋ ᠲᠧᠯᠸᠢᠰ ᠤᠨ ᠲᠣᠬᠢᠶᠠᠨ ᠰᠣᠪᠣᠷᠭ᠎ᠠ ᠶᠢᠨ ᠴᠠᠬᠢᠯᠭᠠᠨ ᠰᠣᠷᠢᠨᠵᠢᠨ | ᠤ ᠨᠦᠯᠦᠭᠡᠯᠡᠯ ᠤᠨ ᠲᠣᠬᠠᠢ ᠣᠯᠠᠨ ᠲᠦᠮᠠᠨ ᠤ ᠦᠷᠦᠭᠡᠰᠦᠭᠡᠯ ᠲᠠᠨᠢᠯᠳᠠ ᠶᠢ ᠢᠳᠡᠪᠬᠢᠳᠡᠢ ᠪᠠᠷ ᠦᠭᠡᠷᠡᠴᠢᠯᠡᠵᠣ᠂ | ᠮᠡᠳᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢᠨ ᠣᠷᠴᠢᠨ ᠢ ᠰᠠᠶᠢᠵᠢᠷᠠᠭᠤᠯᠣᠨ᠎ᠠ᠃ | ︵ᠭᠤᠷᠪᠠ︶ ᠲᠦᠯᠦᠪᠵᠢᠭᠦᠯᠭᠡ ᠶᠢᠨ ᠲᠣᠪᠴᠢᠶ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ | ᠲᠣᠷᠰᠢᠯᠳᠠ ᠶᠢᠨ ᠴᠡᠭ ᠤᠨ ᠲᠦᠷᠦᠯ ᠵᠣᠶᠢᠯ ᠤᠨ ᠪᠠᠶᠢᠭᠤᠯᠣᠯᠳᠠ ᠶᠢ ᠬᠤᠳᠠ ᠬᠦᠳᠡᠭᠡ ᠶᠢᠨ ᠶᠡᠷᠦᠩᠬᠡᠢ | ᠲᠦᠯᠦᠪᠵᠢᠭᠦᠯᠭᠡ ᠳᠤ ᠣᠷᠣᠭᠤᠯᠣᠨ᠎ᠠ᠃ ᠭᠠᠵᠠᠷ ᠲᠣᠣᠷᠠᠬᠢ ᠬᠤᠭᠤᠯᠠᠢ ᠱᠣᠭᠤᠮ ᠤᠨ ᠲᠦᠯᠦᠪᠵᠢᠭᠦᠯᠭᠡ᠂ ᠡᠵᠡᠮᠰᠢᠯ | ᠤᠨ ᠴᠢᠨᠠᠷᠳᠦ ᠨᠠᠷᠢᠯᠢᠭ ᠲᠦᠯᠦᠪᠵᠢᠭᠦᠯᠭᠡ ᠳᠤ ᠪᠠᠨ ᠲᠣᠰ ᠲᠦᠷᠦᠯ ᠵᠣᠶᠢᠯ ᠤᠨ ᠭᠠᠵᠠᠷ ᠲᠣᠣᠷᠠᠬᠢ ᠬᠤᠭᠤᠯᠠᠢ | ᠱᠣᠭᠤᠮ᠂ ᠠᠭᠠᠷ ᠲᠠᠮᠵᠢᠯᠭᠠᠨ ᠱᠣᠭᠤᠮ᠂ ᠬᠠᠨ᠎ᠠ ᠶᠢᠨ ᠭᠡᠷᠡᠯᠯᠢᠭ ᠱᠣᠭᠤᠮ ᠵᠡᠷᠭᠡ ᠪᠠᠶᠢᠭᠤᠯᠣᠯᠳᠠ ᠶᠢ ᠨᠢᠭᠡᠳᠦᠯᠳᠡᠢ | ᠲᠣᠬᠢᠷᠠᠭᠤᠯᠣᠨ᠎ᠠ᠃ ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢ ᠬᠤᠳᠠ ᠬᠦᠳᠡᠭᠡ ᠶᠢᠨ ᠪᠠᠶᠢᠭᠤᠯᠣᠯᠳᠠ᠂ | ᠭᠤᠣᠯᠳᠠᠯᠭᠠᠳᠦ ᠢᠨᠵᠧᠨᠧᠷᠢᠩ ᠤᠨ ᠲᠦᠷᠦᠯ ᠵᠣᠶᠢᠯ ᠤᠨ ᠲᠦᠬᠦᠷ ᠲᠦᠬᠦᠭᠡᠷᠦᠮᠵᠢ ᠪᠣᠯᠭᠠᠨ᠂ ︽ᠬᠠᠮᠳᠦ | ᠲᠦᠯᠦᠪᠵᠢᠭᠦᠯᠬᠦ᠂ ᠬᠠᠮᠳᠦ ᠲᠦᠯᠦᠪᠯᠡᠬᠦ᠂ ᠬᠠᠮᠳᠦ ᠪᠠᠶᠢᠭᠤᠯᠬᠤ᠂ ᠬᠠᠮᠳᠦ ᠰᠢᠯᠭᠠᠬᠤ︾ ᠶᠢ ᠪᠡᠶᠡᠯᠡᠭᠦᠯᠦᠨ᠎ᠡ᠃ | ︵ᠲᠦᠷᠪᠡ︶ ᠣᠯᠣᠰ ᠤᠨ ᠭᠠᠵᠠᠷ ᠰᠢᠷᠦᠢ ᠶᠢᠨ ᠲᠣᠪᠴᠢᠶ᠎ᠠ᠃ ᠴᠠᠬᠢᠯᠭᠠᠨ ᠬᠤᠯᠪᠣᠭᠠᠨ ᠤ ᠲᠦᠭᠡᠮᠡᠯ | ᠣᠶᠢᠯᠡᠴᠢᠯᠡᠭᠡᠨ ᠤ ᠲᠣᠷᠰᠢᠯᠳᠠ ᠶᠢᠨ ᠴᠡᠭ ᠤᠨ ᠲᠦᠷᠦᠯ ᠵᠣᠶᠢᠯ ᠳᠤ ᠬᠡᠷᠡᠭᠯᠡᠬᠦ ᠭᠠᠵᠠᠷ ᠢ ᠭᠠᠵᠠᠷ ᠰᠢᠷᠦᠢ ᠶᠢᠨ | ᠠᠰᠢᠭᠯᠠᠯᠳᠠ ᠶᠢᠨ ᠶᠡᠷᠦᠩᠬᠡᠢ ᠲᠦᠯᠦᠪᠵᠢᠭᠦᠯᠭᠡ ᠳᠤ ᠣᠷᠣᠭᠤᠯᠵᠣ᠂ ᠭᠠᠵᠠᠷ ᠬᠡᠷᠡᠭᠯᠡᠬᠦ ᠪᠡᠯᠡᠳᠬᠡᠯ ᠬᠢᠨᠠᠯᠳᠠ᠂ | ᠲᠠᠷᠢᠶᠠᠨ ᠭᠠᠵᠠᠷ ᠢ ᠰᠢᠯᠵᠢᠭᠦᠯᠦᠨ ᠬᠡᠷᠡᠭᠯᠡᠬᠦ ᠪᠠ ᠭᠠᠵᠠᠷ ᠰᠢᠷᠦᠢ ᠲᠠᠳᠠᠪᠦᠷᠢᠯᠠᠬᠤ ᠵᠡᠷᠭᠡ ᠨᠦᠭᠦᠴᠡᠯ ᠳᠤ ᠨᠡᠶᠢᠴᠡᠬᠦ | ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢᠨ ᠲᠦᠷᠦᠯ ᠵᠣᠶᠢᠯ ᠢ ᠰᠢᠨ᠎ᠡ ᠪᠠᠷ | ᠨᠡᠮᠡᠭᠳᠡᠭᠰᠡᠨ ᠪᠦᠳᠦᠭᠡᠨ ᠪᠠᠶᠢᠭᠤᠯᠣᠯᠳᠠ ᠳᠤ ᠬᠡᠷᠡᠭᠯᠡᠬᠦ ᠭᠠᠵᠠᠷ ᠤᠨ ᠲᠦᠯᠦᠪᠯᠡᠭᠡ ᠳᠤ ᠣᠷᠣᠭᠤᠯᠣᠨ᠂ ᠬᠠᠣᠯᠢ | ᠶᠣᠰᠣᠭᠠᠷ ᠬᠡᠷᠡᠭᠯᠡᠬᠦ ᠭᠠᠵᠠᠷ ᠤᠨ ᠭᠠᠷ ᠭᠦᠢᠴᠡᠳᠬᠡᠯ ᠢ ᠬᠢᠨ᠎ᠠ᠃ | ︵ᠲᠠᠪᠤ︶ ᠣᠷᠴᠢᠨ ᠬᠠᠮᠠᠭᠠᠯᠠᠯᠳᠠ ᠶᠢᠨ ᠲᠣᠪᠴᠢᠶ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ | ᠤ ᠲᠣᠷᠰᠢᠯᠳᠠ ᠶᠢᠨ ᠴᠡᠭ ᠤᠨ ᠲᠦᠷᠦᠯ ᠵᠣᠶᠢᠯ ᠤᠨ ᠬᠡᠷᠡᠭᠵᠢᠭᠦᠯᠦᠯᠳᠡ ᠲᠣᠮᠳᠠ ᠣᠷᠴᠢᠨ ᠬᠠᠮᠠᠭᠠᠯᠠᠯᠳᠠ ᠲᠠᠢ | ᠬᠤᠯᠪᠣᠭᠳᠠᠬᠤ ᠬᠠᠪᠰᠣᠷᠣᠯᠭ᠎ᠠ ᠦᠭᠴᠦ᠂ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠳᠡ ᠶᠢ ᠲᠦᠷᠭᠡᠳᠬᠡᠨ᠂ | ᠲᠣᠬᠢᠶᠠᠨ ᠰᠣᠪᠣᠷᠭ᠎ᠠ ᠶᠢᠨ ᠣᠷᠴᠢᠨ ᠲᠣᠭᠤᠷᠢᠨ ᠤ ᠬᠢᠨᠠᠨ ᠬᠡᠮᠵᠢᠯᠳᠡ ᠶᠢᠨ ᠲᠣᠭᠳᠠᠴᠠ ᠶᠢ ᠣᠯᠠᠮ ᠨᠢᠭᠡ ᠠᠯᠬᠤᠮ | ᠰᠢᠯᠢᠳᠡᠭᠵᠢᠭᠦᠯᠵᠣ᠂ ᠰᠣᠨᠢᠨ ᠮᠡᠳᠡᠭᠡᠨ ᠤ ᠰᠠᠯᠠᠭ᠎ᠠ ᠮᠦᠴᠢᠷ ᠲᠠᠢ ᠢᠳᠡᠪᠬᠢᠳᠡᠢ ᠬᠠᠮᠵᠢᠯᠴᠠᠨ ᠶᠠᠷᠢᠶ᠎ᠠ ᠬᠡᠯᠡᠯᠴᠡᠭᠡᠨ ᠤ | ᠣᠳᠣᠷᠢᠳᠣᠮᠵᠢ ᠶᠢ ᠰᠠᠶᠢᠳᠦᠷ ᠬᠢᠨ᠎ᠡ᠃ | ︵ᠵᠢᠷᠭᠤᠭ᠎ᠠ︶ ᠵᠠᠮ ᠬᠠᠷᠢᠯᠴᠭᠠᠨ ᠤ ᠲᠣᠪᠴᠢᠶ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ | ᠲᠣᠷᠰᠢᠯᠳᠠ ᠶᠢᠨ ᠴᠡᠭ ᠤᠨ ᠲᠦᠷᠦᠯ ᠵᠣᠶᠢᠯ ᠤᠨ ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢᠨ | ᠪᠠᠶᠢᠭᠤᠯᠣᠯᠳᠠ ᠶᠢ ᠲᠦᠷᠭᠡᠨ ᠵᠠᠮ᠂ ᠡᠩ ᠤᠨ ᠵᠠᠰᠠᠮᠠᠯ ᠵᠠᠮ ᠤᠨ ᠲᠦᠭᠦᠷ ᠲᠦᠬᠦᠭᠡᠷᠦᠮᠵᠢ ᠶᠢᠨ ᠲᠦᠯᠦᠪᠵᠢᠭᠦᠯᠭᠡ | ᠳᠤ ᠣᠷᠣᠭᠤᠯᠣᠨ ᠢᠵᠢᠯ ᠠᠯᠬᠤᠮ ᠢᠶᠠᠷ ᠪᠠᠶᠢᠭᠤᠯᠵᠣ᠂ ᠨᠣᠷᠠᠭᠠᠨ ᠨᠡᠭᠦᠯᠭᠡᠭᠦ ᠶᠠᠪᠣᠴᠠ ᠳᠤ ᠮᠡᠳᠡᠭᠡ ᠵᠠᠩᠬᠢ ᠶᠢᠨ | ᠰᠠᠭᠤᠷᠢ ᠲᠦᠬᠦᠭᠡᠷᠦᠮᠵᠢ ᠶᠢ ᠨᠡᠭᠦᠯᠭᠡᠨ ᠰᠢᠯᠵᠢᠭᠦᠯᠬᠦ ᠠᠰᠠᠭᠤᠳᠠᠯ ᠢ ᠪᠣᠳᠣᠯᠬᠢᠯᠠᠨ᠎ᠠ᠃ ᠵᠠᠮ ᠬᠠᠷᠢᠯᠴᠠᠭᠠᠨ ᠤ ᠠᠮᠣᠷ | ᠲᠦᠪᠰᠢᠨ ᠢ ᠪᠠᠳᠣᠯᠠᠭᠰᠠᠨ ᠨᠦᠭᠦᠴᠡᠯ ᠲᠣᠣᠷ᠎ᠠ᠂ ᠵᠠᠮ ᠲᠠᠭᠠᠣ ᠶᠢᠨ ᠴᠢᠮᠡᠭᠡ ᠬᠤᠯᠪᠣᠭ᠎ᠠ ᠵᠢᠴᠢ ᠮᠡᠳᠡᠭᠡ ᠵᠠᠩᠬᠢ ᠶᠢᠨ | ᠣᠶᠢᠯᠡᠴᠢᠯᠡᠭᠡᠨ ᠤ ᠴᠢᠳᠠᠪᠬᠢ ᠶᠢ ᠲᠡᠭᠡᠭᠰᠢᠯᠡᠭᠦᠯᠵᠣ᠂ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ | ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢᠨ ᠲᠦᠯᠦᠪᠵᠢᠭᠦᠯᠭᠡ ᠪᠠᠶᠢᠭᠤᠯᠣᠯᠳᠠ ᠪᠣᠯᠣᠨ ᠪᠠᠷᠢᠯᠭ᠎ᠠ | ᠣᠭᠰᠠᠷᠠᠭᠤᠯᠣᠯᠳᠠ ᠶᠢ ᠰᠠᠶᠢᠳᠦᠷ ᠲᠡᠮᠵᠢᠨ᠎ᠠ᠃ | ︵ᠲᠣᠯᠤᠭ᠎ᠠ︶ ᠣᠢ ᠰᠢᠭᠤᠢ ᠶᠢᠨ ᠲᠣᠪᠴᠢᠶ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ | ᠲᠣᠷᠰᠢᠯᠳᠠ ᠶᠢᠨ ᠴᠡᠭ ᠤᠨ ᠲᠦᠷᠦᠯ ᠵᠣᠶᠢᠯ ᠤᠨ ᠪᠠᠶᠢᠭᠤᠯᠣᠯᠳᠠ ᠲᠣᠮᠳᠠᠬᠢ ᠣᠢ ᠮᠣᠳᠦ ᠲᠠᠢ ᠭᠠᠵᠠᠷ ᠢ | ᠲᠠᠳᠠᠪᠦᠷᠢᠯᠠᠬᠤ᠂ ᠮᠣᠳᠦ ᠣᠭᠳᠣᠯᠬᠤ ᠵᠢᠴᠢ ᠨᠦᠬᠦᠪᠦᠷᠢ ᠶᠢᠨ ᠠᠵᠢᠯ ᠢ ᠪᠦᠬᠦ ᠬᠦᠴᠦᠨ ᠢᠶᠠᠷ ᠲᠡᠮᠵᠢᠨ᠂ ᠣᠢ ᠮᠣᠳᠦ | ᠲᠠᠢ ᠭᠠᠵᠠᠷ ᠢ ᠲᠠᠳᠠᠪᠦᠷᠢᠯᠠᠬᠤ᠂ ᠮᠣᠳᠦ ᠣᠭᠳᠣᠯᠬᠤ ᠵᠡᠷᠭᠡ ᠮᠡᠳᠡᠭᠦᠯᠦᠨ ᠵᠦᠪᠰᠢᠶᠡᠷᠡᠭᠦᠯᠬᠦ ᠭᠠᠷ ᠭᠦᠢᠴᠡᠳᠬᠡᠯ ᠢ | ᠬᠠᠪᠰᠣᠷᠣᠨ ᠭᠦᠢᠴᠡᠳᠬᠡᠨ᠎ᠡ᠃ | ︵ᠨᠠᠢᠮᠠ︶ ᠣᠢ ᠰᠢᠭᠤᠢ ᠶᠢᠨ ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠃ ᠮᠡᠳᠡᠭᠡ ᠵᠠᠩᠬᠢ ᠶᠢᠨ ᠰᠠᠭᠤᠷᠢ | ᠲᠦᠬᠦᠭᠡᠷᠦᠮᠵᠢ ᠶᠢᠨ ᠬᠠᠮᠳᠣᠷᠭᠰᠠᠨ ᠰᠡᠷᠭᠡᠶᠢᠯᠡᠯᠳᠡ ᠬᠠᠮᠠᠭᠠᠯᠠᠯᠳᠠ ᠶᠢᠨ ᠲᠣᠭᠳᠠᠴᠠ ᠶᠢ ᠪᠠᠶᠢᠭᠤᠯᠣᠨ᠂ ᠮᠡᠳᠡᠭᠡ | ᠵᠠᠩᠬᠢ ᠶᠢᠨ ᠰᠠᠭᠤᠷᠢ ᠲᠦᠬᠦᠭᠡᠷᠦᠮᠵᠢ ᠶᠢ ᠬᠤᠯᠭᠠᠶᠢᠯᠠᠭᠰᠠᠨ᠂ ᠡᠪᠳᠡᠭᠰᠡᠨ ᠬᠠᠣᠯᠢ ᠵᠦᠷᠢᠴᠡᠭᠰᠡᠨ ᠶᠠᠯᠠᠳᠦ ᠠᠵᠢᠯᠯᠠᠭ᠎ᠠ | ᠳᠤ ᠴᠣᠬᠢᠯᠳᠠ ᠦᠩᠭᠦᠨ ᠪᠠᠶᠢᠴᠠᠭᠠᠨ ᠰᠢᠳᠬᠡᠭᠦ ᠬᠦᠴᠦᠨ ᠢᠶᠠᠨ- ᠴᠢᠩᠭᠠᠳᠬᠠᠵᠣ᠂ ᠬᠠᠮᠳᠣᠷᠠᠭᠰᠠᠨ ᠰᠡᠷᠭᠡᠶᠢᠯᠡᠯᠳᠡ | ᠬᠠᠮᠠᠭᠠᠯᠠᠯᠳᠠ ᠴᠣᠬᠢᠯᠳᠠ ᠶᠢᠨ ᠣᠷᠴᠢᠨ ᠢ ᠪᠦᠷᠢᠯᠳᠦᠭᠦᠯᠦᠨ᠎ᠡ᠃ ᠶᠣᠰᠣ ᠪᠣᠰᠣ ᠪᠠᠷ ᠪᠠᠷᠢᠯᠭ᠎ᠠ ᠶᠢ ᠬᠠᠷᠰᠢᠯᠠᠬᠤ᠂ | ᠵᠣᠷᠢᠭᠤᠳᠠ ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢ ᠡᠪᠳᠡᠬᠦ᠂ ᠬᠠᠣᠯᠢ ᠪᠣᠰᠣ ᠪᠠᠷ ᠵᠠᠷᠣᠳᠠᠯ ᠬᠤᠷᠢᠶᠠᠬᠤ | ᠠᠵᠢᠯᠯᠠᠭ᠎ᠠ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠦᠮᠵᠢ | ᠶᠢᠨ ᠪᠠᠶᠢᠭᠤᠯᠣᠯᠳᠠ ᠬᠠᠮᠠᠭᠠᠯᠠᠯᠳᠠ ᠶᠢ ᠠᠬᠢᠭᠤᠯᠣᠨ᠂ ᠮᠡᠳᠡᠭᠡ ᠵᠠᠩᠬᠢ ᠶᠢᠨ ᠰᠠᠭᠤᠷᠢ ᠲᠦᠬᠦᠭᠡᠷᠦᠮᠵᠢ ᠶᠢᠨ | ᠪᠠᠶᠢᠭᠤᠯᠣᠯᠳᠠ ᠶᠢᠨ ᠬᠠᠮᠢᠶᠠᠷᠣᠯᠳᠠ ᠶᠢᠨ ᠣᠬᠢ ᠣᠷᠴᠢᠨ ᠢ ᠪᠣᠢ ᠪᠣᠯᠭᠠᠨ᠎ᠠ᠃ | ︵ᠶᠢᠰᠦ︶ ᠣᠰᠣᠨ ᠤ ᠶᠠᠪᠣᠳᠠᠯ ᠤᠨ ᠲᠣᠪᠴᠢᠶ᠎ᠠ᠃ ᠠᠶᠣᠯᠭᠦᠢ ᠣᠰᠣ ᠬᠠᠩᠭᠠᠬᠤ ᠶᠢ ᠪᠠᠳᠣᠯᠠᠨ᠂ | ᠣᠶᠢᠯᠡᠴᠢᠯᠡᠭᠡ ᠲᠡᠮᠵᠢᠯᠭᠡ ᠪᠠᠨ ᠴᠢᠩᠭᠠᠳᠬᠠᠨ᠎ᠠ᠃ | ︵ᠠᠷᠪᠠ︶ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠃ ᠠᠶᠣᠯᠭᠦᠢ ᠴᠠᠬᠢᠯᠭᠠᠨ ᠬᠠᠩᠭᠠᠯᠳᠠ ᠪᠠ ᠰᠠᠭᠠᠳ | ᠦᠭᠡᠢ ᠨᠡᠪᠳᠡᠷᠡᠭᠦ ᠶᠢ ᠪᠠᠳᠣᠯᠠᠨ᠂ ᠣᠶᠢᠯᠡᠴᠢᠯᠡᠭᠡ ᠲᠡᠮᠵᠢᠯᠭᠡ ᠪᠠᠨ ᠴᠢᠩᠭᠠᠳᠬᠠᠨ᠎ᠠ᠃ | ︵ᠠᠷᠪᠠᠨ ᠨᠢᠭᠡ︶ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠦᠯᠳᠡ ᠶᠢᠨ ᠲᠣᠪᠴᠢᠶ᠎ᠠ᠃ ᠢᠨᠵᠧᠨᠧᠷᠢᠩ ᠤᠨ | ᠪᠠᠶᠢᠭᠤᠯᠣᠯᠳᠠ ᠳᠤ ᠭᠠᠵᠠᠷ ᠡᠵᠡᠯᠡᠨ ᠬᠡᠷᠡᠭᠯᠡᠬᠦ᠂ ᠲᠠᠳᠠᠪᠦᠷᠢᠯᠠᠨ ᠬᠡᠷᠡᠭᠯᠡᠬᠦ ᠪᠣᠶᠣ ᠨᠣᠳᠤᠭ ᠪᠡᠯᠴᠢᠭᠡᠷ ᠬᠡᠷᠡᠭᠯᠡᠬᠦ | ᠴᠢᠬᠤᠯᠠ ᠲᠠᠢ ᠪᠣᠯ᠂ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠦᠯᠳᠡ ᠶᠢᠨ ᠰᠠᠯᠠᠭ᠎ᠠ ᠮᠦᠴᠢᠷ ᠢᠶᠠᠷ ᠲᠠᠮᠵᠢᠨ | ᠬᠠᠣᠯᠢ ᠶᠣᠰᠣᠭᠠᠷ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠨ᠂ ᠲᠣᠭᠳᠠᠭᠠᠯ ᠶᠣᠰᠣᠭᠠᠷ ᠨᠦᠬᠦᠪᠦᠷᠢ ᠶᠢᠨ ᠠᠵᠢᠯ | ᠢ ᠰᠠᠶᠢᠳᠦᠷ ᠬᠢᠨ᠎ᠠ᠃ | ︵ᠠᠷᠪᠠᠨ ᠬᠤᠶᠠᠷ︶ ᠡᠯ᠎ᠡ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ᠃ ᠴᠠᠬᠢᠯᠭᠠᠨ ᠬᠤᠯᠪᠣᠭᠠᠨ ᠤ | ᠲᠦᠭᠡᠮᠡᠯ ᠣᠶᠢᠯᠡᠴᠢᠯᠡᠭᠡᠨ ᠤ ᠲᠣᠷᠰᠢᠯᠳᠠ ᠶᠢᠨ ᠴᠡᠭ ᠤᠨ ᠲᠦᠷᠦᠯ ᠵᠣᠶᠢᠯ ᠢ ᠵᠣᠬᠢᠶᠠᠨ ᠪᠠᠶᠢᠭᠤᠯᠣᠨ ᠬᠡᠷᠡᠭᠵᠢᠭᠦᠯᠬᠦ | ᠬᠠᠷᠢᠭᠤᠴᠠᠯᠭ᠎ᠠ ᠪᠣᠯᠣᠨ ᠣᠯᠠᠨ ᠲᠦᠮᠡᠨ ᠤ ᠠᠵᠢᠯ ᠢ ᠰᠠᠶᠢᠳᠦᠷ ᠬᠢᠬᠦ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠠᠷᠢᠶ᠎ᠠ ᠣᠷᠣᠨ ᠤ ᠭᠠᠵᠠᠷ ᠲᠠᠳᠠᠪᠦᠷᠢᠯᠠᠨ ᠨᠡᠭᠦᠯᠭᠡᠨ ᠰᠢᠯᠵᠢᠬᠦᠯᠬᠦ᠂ ᠪᠠᠷᠢᠯᠭ᠎ᠠ ᠶᠢᠨ ᠠᠵᠢᠯ ᠤᠨ ᠣᠷᠴᠢᠨ ᠲᠣᠭᠤᠷᠢᠨ | ᠤ ᠨᠦᠯᠦᠭᠡᠯᠡᠯ ᠤᠨ ᠦᠨᠡᠯᠡᠯᠳᠡ᠂ ᠪᠠᠷᠢᠯᠭ᠎ᠠ ᠳᠤ ᠬᠡᠷᠡᠭᠯᠡᠬᠦ ᠣᠰᠣ ᠴᠠᠬᠢᠯᠭᠠᠨ᠂ ᠪᠦᠷᠬᠦᠪᠴᠢ ᠣᠷᠭᠤᠮᠠᠯ ᠤᠨ | ᠨᠦᠬᠦᠪᠦᠷᠢ ᠵᠡᠷᠭᠡ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠭᠡᠷ ᠪᠠᠷᠢᠯᠭ᠎ᠠ᠂ ᠬᠤᠳᠠ ᠶᠢᠨ | ᠶᠠᠪᠣᠳᠠᠯ᠂ ᠵᠠᠰᠠᠮᠠᠯ ᠵᠠᠮ᠂ ᠲᠦᠷᠭᠡᠨ ᠵᠠᠮ᠂ ᠲᠡᠮᠦᠷ ᠵᠠᠮ ᠵᠡᠷᠭᠡ ᠨᠡᠶᠢᠭᠡᠮ ᠨᠡᠶᠢᠳᠡ ᠶᠢᠨ ᠰᠠᠭᠤᠷᠢ ᠲᠦᠬᠦᠭᠡᠷᠦᠮᠵᠢ ᠶᠢ | ᠨᠡᠭᠡᠭᠡᠯᠳᠡᠳᠡᠢ ᠲᠠᠯᠪᠢᠬᠤ ᠠᠵᠢᠯ ᠢ ᠵᠣᠬᠢᠴᠠᠭᠤᠯᠣᠨ᠎ᠠ᠃ ᠭᠠᠴᠠᠭ᠎ᠠ ᠲᠣᠰᠬᠤᠨ ᠤ ᠱᠠᠳᠣᠨ ᠤ ᠰᠣᠷᠭᠠᠭᠤᠯᠢ᠂ ᠡᠷᠡᠭᠦᠯ | ᠬᠠᠮᠠᠭᠠᠯᠠᠯ ᠤᠨ ᠲᠠᠰᠤᠭ᠂ ᠭᠠᠴᠠᠭ᠎ᠠ ᠲᠣᠰᠬᠤᠨ ᠤ ᠠᠷᠠᠳ ᠤᠨ ᠵᠦᠪᠯᠡᠯ ᠳᠤ ᠦᠷᠭᠡᠨ ᠪᠦᠰᠡᠳᠦ ᠰᠦᠯᠵᠢᠶ᠎ᠡ | ᠣᠷᠣᠭᠤᠯᠣᠨ᠎ᠠ᠃ ᠬᠠᠷᠢᠶ᠎ᠠ ᠣᠷᠣᠨ ᠤ ᠢᠨᠵᠧᠨᠧᠷᠢᠩ ᠤᠨ ᠠᠬᠢᠯᠳᠠ ᠶᠢ ᠪᠠᠳᠣᠯᠠᠨ᠎ᠠ᠃ ᠣᠬᠠᠭᠤᠯᠣᠨ | ᠲᠦᠭᠡᠮᠡᠯᠵᠢᠭᠦᠯᠬᠦ ᠬᠦᠴᠦᠨ ᠢᠶᠠᠨ ᠴᠢᠩᠭᠠᠳᠬᠠᠨ᠂ ᠬᠤᠳᠠ ᠶᠢᠨ ᠠᠷᠠᠳ ᠢ ᠵᠢᠯᠣᠭᠤᠳᠣᠨ ᠢᠨᠵᠧᠨᠧᠷᠢᠩ ᠤᠨ | ᠪᠠᠶᠢᠭᠤᠯᠣᠯᠳᠠ ᠶᠢ ᠢᠳᠡᠪᠬᠢᠳᠡᠢ ᠲᠡᠮᠵᠢᠭᠦᠯᠵᠣ᠂ ᠠᠷᠠᠳ ᠣᠯᠠᠨ ᠤ ᠴᠠᠬᠢᠯᠭᠠᠨ ᠬᠤᠯᠪᠣᠭᠠᠨ ᠤ ᠰᠠᠭᠤᠷᠢ | ᠲᠦᠬᠦᠭᠡᠷᠦᠮᠵᠢ ᠶᠢ ᠬᠠᠣᠯᠢ ᠶᠣᠰᠣᠭᠠᠷ ᠬᠠᠮᠠᠭᠠᠠᠯᠬᠤ ᠣᠬᠠᠮᠰᠠᠷ ᠢ ᠲᠡᠭᠡᠭᠰᠢᠯᠡᠬᠦᠯᠦᠨ᠂ ᠲᠣᠷᠰᠢᠯᠳᠠ ᠶᠢᠨ ᠴᠡᠭ ᠤᠨ | ᠢᠨᠵᠧᠨᠧᠷᠢᠩ ᠤᠨ ᠪᠠᠶᠢᠭᠤᠯᠣᠯᠳᠠ ᠶᠢ ᠬᠠᠮᠳᠦ ᠪᠠᠷ ᠠᠬᠢᠭᠤᠯᠬᠤ ᠣᠬᠢ ᠰᠠᠶᠢᠨ ᠣᠷᠴᠢᠨ ᠢ ᠪᠣᠢ ᠪᠣᠯᠭᠠᠨ᠎ᠠ᠃ | ︵ᠠᠷᠪᠠᠨ ᠭᠤᠷᠪᠠ︶ ᠲᠣᠮᠳᠠᠳᠦ ᠣᠯᠣᠰ ᠤᠨ ᠨᠢᠭᠡᠳᠦᠮᠡᠯ ᠬᠤᠯᠪᠣᠭᠠᠨ ᠤ ᠣᠳᠤᠭ ᠤᠨ ᠡᠮᠦᠨᠡᠳᠦ ᠬᠤᠰᠢᠭᠤᠨ | ᠤ ᠬᠤᠪᠢᠶᠠᠷᠢ ᠺᠣᠮᠫᠠᠨᠢ᠃ ᠲᠦᠷᠦᠯ ᠵᠣᠶᠢᠯ ᠤᠨ ᠬᠡᠷᠡᠭᠵᠢᠭᠦᠯᠦᠯᠳᠡ ᠶᠢᠨ ᠠᠵᠢᠯ ᠪᠣᠯᠣᠨ ᠪᠡᠯᠡ ᠮᠦᠩᠭᠦᠨ ᠤ | ᠣᠷᠣᠭᠤᠯᠣᠯᠳᠠ ᠶᠢ ᠬᠠᠷᠢᠭᠤᠴᠠᠨ᠂ ᠲᠦᠷᠦᠯ ᠵᠣᠶᠢᠯ ᠤᠨ ᠲᠦᠯᠦᠪᠯᠡᠭᠡ ᠶᠢᠨ ᠬᠦᠰᠦᠨᠦᠭᠳᠦ ᠵᠣᠬᠢᠶᠠᠵᠣ᠂ ᠪᠠᠷᠢᠯᠭ᠎ᠠ | ᠲᠣᠭᠳᠠᠭᠰᠠᠨ ᠬᠤᠭᠤᠴᠠᠭᠠᠨ ᠳᠤ ᠲᠠᠭᠤᠰᠬᠠᠬᠤ ᠶᠢ ᠪᠠᠳᠣᠯᠠᠨ᠎ᠠ᠃ ᠴᠠᠬᠢᠯᠭᠠᠨ ᠬᠤᠯᠪᠣᠭᠠᠨ ᠤ ᠠᠵᠢᠯᠯᠠᠮᠵᠢ | ᠡᠵᠡᠩᠨᠡᠯᠳᠡ ᠶᠢᠨ ᠪᠣᠰᠣᠳ ᠨᠢᠭᠡᠴᠡ ᠲᠠᠢ ᠬᠠᠮᠳᠣᠷᠠᠨ ᠡᠬᠢ ᠰᠣᠷᠪᠣᠯᠵᠢ ᠶᠢ ᠬᠠᠮᠳᠦ ᠡᠳ᠋ᠯᠡᠨ᠂ ᠲᠠᠪᠳᠠᠨ | ᠪᠠᠶᠢᠭᠤᠯᠣᠯᠳᠠ ᠠᠴᠠ ᠵᠠᠶᠢᠯᠠᠰᠬᠢᠨ᠎ᠠ᠂ ᠣᠬᠠᠭᠤᠯᠭ᠎ᠠ᠂ ᠣᠷᠴᠢᠨ ᠬᠠᠮᠠᠭᠠᠯᠠᠯᠳᠠ ᠶᠢᠨ ᠰᠠᠯᠠᠭ᠎ᠠ ᠮᠦᠴᠢᠷ ᠲᠠᠢ | ᠬᠠᠮᠵᠢᠯᠴᠠᠨ ᠰᠢᠨᠵᠢᠯᠡᠭᠡ ᠮᠡᠷᠭᠡᠵᠢᠯ ᠤᠨ ᠲᠦᠭᠡᠮᠡᠯᠵᠢᠭᠦᠯᠦᠯᠳᠡ ᠶᠢᠨ ᠣᠬᠠᠭᠤᠯᠭ᠎ᠠ ᠶᠢᠨ ᠠᠵᠢᠯ ᠢ ᠰᠠᠶᠢᠳᠦᠷ ᠬᠢᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠪᠠᠨ ᠨᠢᠭᠡᠳᠬᠡᠨ᠂ ᠠᠵᠢᠯ ᠤᠨ ᠡᠷᠴᠢ ᠬᠦᠴᠦᠨ ᠢ ᠪᠣᠢ ᠪᠣᠯᠭᠠᠨ᠎ᠠ᠃ ᠡᠯ᠎ᠡ | ᠱᠠᠳᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠦᠬᠦ ᠲᠠᠯ᠎ᠠ ᠶᠢᠨ | ᠣᠬᠠᠮᠰᠠᠷ᠂ ᠬᠠᠷᠢᠭᠤᠴᠠᠯᠭ᠎ᠠ ᠶᠢᠨ ᠣᠬᠠᠮᠰᠠᠷ᠂ ᠡᠭᠦᠷᠭᠡᠯᠡᠬᠦ ᠣᠬᠠᠮᠰᠠᠷ ᠢᠶᠠᠨ ᠲᠡᠭᠡᠭᠰᠢᠯᠡᠭᠦᠯᠵᠣ᠂ ᠴᠠᠬᠢᠯᠭᠠᠨ | ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠣᠷᠰᠢᠯᠳᠠ ᠶᠢᠨ ᠴᠡᠭ ᠤᠨ ᠲᠦᠷᠦᠯ ᠵᠣᠶᠢᠯ ᠤᠨ ᠪᠠᠶᠢᠭᠤᠯᠣᠯᠳᠠ ᠶᠢ | ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠴᠢᠬᠤᠯᠠ ᠡᠭᠦᠷᠭᠡ ᠪᠣᠯᠭᠠᠵᠣ᠂ ᠨᠢᠭᠡ ᠲᠦᠷᠦᠯ ᠤᠨ ᠠᠷᠠᠳ ᠤᠨ | ᠠᠮᠢᠳᠣᠷᠠᠯ ᠤᠨ ᠴᠢᠬᠤᠯᠠ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠶᠠᠳᠠᠭᠤ ᠠᠴᠠ | ᠠᠩᠭᠢᠵᠢᠷᠠᠭᠤᠯᠬᠤ ᠢᠨᠵᠧᠨᠧᠷᠢᠩ᠂ ᠴᠢᠨᠡᠭᠡᠯᠢᠭ ᠨᠡᠶᠢᠭᠡᠮ ᠤᠨ ᠢᠵᠢᠯ ᠠᠯᠬᠤᠮ ᠤᠨ ᠢᠨᠵᠧᠨᠧᠷᠢᠩ ᠪᠣᠯᠭᠠᠨ ᠰᠠᠶᠢᠳᠦᠷ | ᠠᠳᠬᠤᠨ ᠨᠠᠶᠢᠳᠠᠪᠦᠷᠢᠵᠢᠭᠤᠯᠵᠣ᠂ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠣᠷᠰᠢᠯᠳᠠ ᠶᠢᠨ ᠴᠡᠭ | ᠤᠨ ᠲᠦᠷᠦᠯ ᠵᠣᠶᠢᠯ ᠤᠨ ᠪᠠᠶᠢᠭᠤᠯᠣᠯᠳᠠ᠂ ᠬᠡᠷᠡᠭᠯᠡᠯᠳᠡ ᠪᠣᠯᠣᠨ ᠬᠤᠯᠪᠣᠭᠳᠠᠯ ᠪᠦᠬᠦᠢ ᠠᠵᠣ ᠣᠶᠢᠯᠠᠰ ᠤᠨ | ᠬᠦᠭᠵᠢᠯᠳᠡ ᠳᠤ ᠣᠬᠢ ᠰᠠᠶᠢᠨ ᠣᠷᠴᠢᠨ ᠪᠣᠯᠣᠨ ᠨᠦᠬᠦᠴᠡᠯ ᠢ ᠪᠦᠷᠢᠯᠳᠦᠭᠦᠯᠦᠨ᠎ᠡ᠃ | ︵ᠬᠤᠶᠠᠷ︶ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠣᠨ᠂ ᠬᠠᠮᠳᠣᠷᠠᠯᠴᠠᠭ᠎ᠠ ᠪᠠᠨ ᠴᠢᠩᠭᠠᠳᠬᠠᠨ᠎ᠠ᠃ ᠡᠯ᠎ᠡ | ᠱᠠᠳᠣᠨ ᠤ ᠡᠯ᠎ᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠪᠠᠨ ᠰᠠᠶᠢᠳᠦᠷ ᠭᠦᠢᠴᠡᠳᠬᠡᠵᠣ᠂ ᠦᠪᠡᠷᠳᠡᠭᠡᠨ ᠵᠠᠰᠠᠬᠤ | ᠣᠷᠣᠨ᠂ ᠬᠤᠳᠠ᠂ ᠬᠤᠰᠢᠭᠤᠨ ᠤ ᠲᠣᠰ ᠲᠦᠷᠦᠯ ᠵᠣᠶᠢᠯ ᠤᠨ ᠪᠠᠶᠢᠭᠤᠯᠣᠯᠳᠠ ᠳᠤ ᠲᠠᠯᠪᠢᠭᠰᠠᠨ ᠱᠠᠭᠠᠷᠳᠠᠯᠭ᠎ᠠ | ᠶᠣᠰᠣᠭᠠᠷ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠂ ᠠᠵᠢᠯ ᠤᠨ ᠲᠣᠭᠳᠠᠯᠴᠠᠭ᠎ᠠ ᠪᠠᠨ | ᠲᠡᠭᠦᠯᠳᠡᠷᠵᠢᠭᠦᠯᠵᠣ᠂ ᠵᠦᠪᠳᠡᠯᠴᠡᠭᠡᠷ ᠤᠨ ᠠᠭᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠣᠨ᠂ ᠲᠣᠷᠰᠢᠯᠳᠠ ᠶᠢᠨ | ᠴᠡᠭ ᠤᠨ ᠲᠦᠷᠦᠯ ᠵᠣᠶᠢᠯ ᠤᠨ ᠪᠠᠶᠢᠭᠤᠯᠣᠯᠳᠠ ᠶᠢᠨ ᠲᠣᠭᠳᠠᠭᠰᠠᠨ ᠬᠤᠭᠤᠴᠭᠠᠨ ᠳᠤ ᠪᠠᠨ ᠪᠠᠷᠢᠯᠭ᠎ᠠ ᠲᠠᠭᠤᠰᠬᠠᠬᠤ | ᠶᠢ ᠪᠠᠳᠣᠯᠠᠨ᠎ᠠ᠃ ᠬᠢᠨᠠᠨ ᠴᠣᠬᠤᠯᠠᠪᠦᠷᠢᠯᠠᠯᠳᠠ ᠶᠢᠨ ᠦᠷ᠎ᠡ ᠠᠰᠢᠭ ᠢ ᠦᠨᠡᠨ ᠬᠦ ᠲᠡᠭᠡᠭᠰᠢᠯᠡᠭᠦᠯᠵᠣ᠂ ᠬᠢᠨᠠᠨ | ᠴᠣᠬᠤᠯᠠᠪᠦᠷᠢᠯᠠᠬᠤ ᠬᠤᠭᠤᠴᠠᠭ᠎ᠠ ᠶᠢ ᠪᠣᠭᠤᠨᠢᠰᠬᠠᠨ᠎ᠠ᠃ ᠡᠩ ᠲᠡᠷᠢᠭᠦᠨ ᠳᠤ ᠨᠡᠶᠢᠳᠡ ᠶᠢᠨ ᠬᠦᠷᠢᠶ᠎ᠠ ᠴᠠᠷᠠᠭᠠᠨ ᠳᠤ | ᠬᠢ ᠪᠠᠶᠢᠭᠤᠯᠣᠯᠳᠠ ᠶᠢ ᠴᠢᠯᠦᠭᠡᠳᠡᠢ ᠨᠡᠭᠡᠭᠡᠨ ᠲᠡᠮᠵᠢᠵᠣ᠂ ᠬᠠᠣᠯᠢ ᠲᠦᠷᠢᠮ ᠲᠣᠭᠳᠠᠭᠠᠯ ᠠᠴᠠ ᠭᠠᠳᠠᠨ᠎ᠠ᠂ ᠡᠯ᠎ᠡ | ᠱᠠᠳᠣᠨ ᠤ ᠣᠯᠣᠰ ᠤᠨ ᠪᠠᠶᠢᠭᠤᠯᠭ᠎ᠠ᠂ ᠠᠵᠢᠯ ᠣᠶᠢᠯᠠᠰ ᠤᠨ ᠨᠢᠭᠡᠴᠡ ᠲᠡᠷᠢᠭᠦᠯᠦᠨ ᠬᠠᠷᠢᠶ᠎ᠠ ᠪᠠᠷᠢᠯᠭ᠎ᠠ᠂ ᠠᠯᠪᠠᠨ | ᠠᠰᠠᠷ ᠤᠨ ᠣᠷᠣᠢ᠂ ᠠᠰᠠᠷ ᠤᠨ ᠭᠤᠳᠣᠮᠵᠢ ᠴᠠᠬᠢᠯᠭᠠᠨ ᠱᠠᠳᠦ ᠵᠡᠷᠭᠡ ᠪᠠᠨ ᠴᠢᠯᠦᠭᠡᠳᠡᠢ ᠨᠡᠭᠡᠭᠡᠨ ᠮᠡᠳᠡᠭᠡ ᠵᠠᠩᠬᠢ | ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠲᠡᠮᠵᠢᠨ᠎ᠡ᠃ ᠵᠣᠬᠢᠴᠠᠭᠤᠯᠬᠤ ᠣᠶᠢᠯᠡᠴᠢᠯᠡᠭᠡᠨ ᠤ ᠠᠵᠢᠯ ᠢ | ᠰᠠᠶᠢᠳᠦᠷ ᠬᠢᠨ᠂ ᠨᠢᠭᠡᠳᠦᠮᠡᠯ ᠬᠤᠯᠪᠣᠭᠠᠨ ᠤ ᠺᠣᠮᠫᠠᠨᠢ ᠯᠤᠭ᠎ᠠ ᠬᠠᠷᠢᠯᠴᠠᠭ᠎ᠠ᠂ ᠵᠣᠬᠢᠴᠠᠩᠭᠤᠢ ᠬᠠᠮᠳᠣᠷᠠᠯᠴᠠᠭ᠎ᠠ ᠪᠠᠨ | ᠴᠢᠩᠭᠠᠳᠬᠠᠵᠣ᠂ ᠢᠨᠵᠧᠨᠧᠷᠢᠩ ᠶᠢᠨ ᠪᠠᠶᠢᠭᠤᠯᠣᠯᠳᠠ ᠲᠣᠮᠳᠠᠬᠢ ᠭᠠᠵᠠᠷ ᠲᠠᠳᠠᠪᠦᠷᠢᠯᠠᠨ ᠨᠡᠭᠦᠯᠭᠡᠬᠦ᠂ ᠲᠠᠭᠠᠯᠳᠠ | ᠪᠣᠳᠠᠰ ᠤᠨ ᠨᠦᠬᠦᠪᠦᠷᠢ ᠵᠡᠷᠭᠡ ᠠᠵᠢᠯ ᠢ ᠰᠠᠶᠢᠨ ᠬᠢᠵᠣ᠂ ᠵᠦᠷᠢᠴᠡᠯ ᠵᠢᠭᠤᠷᠭᠠᠨ ᠢ ᠰᠢᠢᠳᠪᠦᠷᠢᠯᠡᠨ᠂ ᠠᠵᠢᠯ | ᠰᠠᠭᠠᠳᠠᠭᠠᠬᠤ ᠠᠵᠢᠯᠯᠠᠭ᠎ᠠ ᠡᠭᠦᠰᠬᠦ ᠠᠴᠠ ᠰᠡᠷᠭᠡᠶᠢᠯᠡᠨ᠎ᠡ᠃ ᠪᠠᠶᠢᠭᠤᠯᠣᠯᠳᠠ ᠶᠢᠨ ᠶᠠᠪᠣᠴᠠ ᠳᠤ ᠴᠢᠨᠠᠷ ᠤᠨ | ᠬᠠᠮᠢᠶᠠᠷᠣᠯᠳᠠ ᠶᠢ ᠴᠢᠩᠭᠠᠳᠬᠠᠨ᠂ ᠪᠠᠷᠢᠯᠭ᠎ᠠ ᠶᠢᠨ ᠠᠵᠢᠯ ᠤᠨ ᠪᠣᠯᠪᠠᠰᠣᠨ᠂ ᠠᠮᠣᠷ ᠲᠦᠪᠰᠢᠨ ᠢ ᠪᠠᠳᠣᠯᠠᠨ᠂ | ᠬᠤᠭᠤᠴᠠᠭ᠎ᠠ ᠲᠣᠭᠳᠠᠭᠠᠨ ᠲᠣᠷᠰᠢᠯᠳᠠ ᠶᠢᠨ ᠴᠡᠭ ᠤᠨ ᠲᠦᠷᠦᠯ ᠵᠣᠶᠢᠯ ᠤᠨ ᠣᠷᠣᠭᠰᠢᠳᠠᠢ ᠠᠬᠢᠯᠳᠠ ᠶᠢ ᠪᠠᠳᠣᠯᠠᠨ᠎ᠠ | ᠃ ᠡᠯ᠎ᠡ ᠪᠠᠯᠭᠠᠰᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠵᠣᠬᠢᠶᠠᠨ ᠪᠠᠶᠢᠭᠤᠯᠣᠨ ᠠᠵᠢᠯ ᠢᠶᠠᠨ | ᠠᠬᠢᠭᠤᠯᠬᠤ ᠬᠤᠷᠠᠯ ᠬᠤᠷᠠᠯᠳᠣᠨ᠂ ᠠᠵᠢᠯ ᠢᠶᠠᠨ ᠪᠠᠶᠢᠷᠢᠰᠢᠭᠤᠯᠵᠣ᠂ ᠡᠯ᠎ᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠠᠷᠢᠭᠤᠴᠠᠯᠭᠠᠳᠠᠨ ᠤ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠎ᠠ᠃ | ︵ᠭᠤᠷᠪᠠ︶ ᠪᠠᠶᠢᠴᠠᠭᠠᠯᠳᠠ ᠪᠠᠨ ᠴᠢᠩᠭᠠᠳᠬᠠᠨ᠂ ᠬᠡᠷᠡᠭᠵᠢᠭᠦᠯᠦᠯᠳᠡ ᠶᠢᠨ ᠦᠷ᠎ᠡ ᠠᠰᠢᠭ ᠢ ᠪᠠᠳᠣᠯᠠᠨ᠎ᠠ᠃ | ᠴᠠᠬᠢᠯᠭᠠᠨ ᠬᠤᠯᠪᠣᠭᠠᠨᠨ ᠤ ᠲᠦᠭᠡᠮᠡᠯ ᠣᠶᠢᠯᠡᠴᠢᠯᠡᠭᠡᠨ ᠤ ᠲᠣᠷᠰᠢᠯᠳᠡ ᠶᠢᠨ ᠴᠡᠭ ᠤᠨ ᠲᠦᠷᠦᠯ ᠵᠣᠶᠢᠯ ᠢ ᠪᠡᠯᠡ | ᠣᠷᠣᠭᠤᠯᠣᠯᠳᠠ ᠶᠡᠭᠡ᠂ ᠡᠭᠦᠷᠬᠡ ᠬᠦᠨᠳᠦ᠂ ᠴᠠᠭ ᠪᠠᠴᠢᠮ ᠨᠢᠭᠡ ᠲᠦᠷᠦᠯ ᠤᠨ ᠰᠢᠰᠲ᠋ᠧᠮᠴᠢ ᠤᠨ ᠢᠨᠵᠧᠨ᠋ᠸᠢᠷᠩ | ᠪᠣᠯᠬᠤ ᠲᠣᠯᠠ ᠢᠨᠵᠧᠨᠧᠷᠢᠩ ᠤᠨ ᠪᠠᠶᠢᠭᠤᠯᠣᠯᠳᠠ ᠶᠢᠨ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠶᠢᠨ ᠲᠣᠰᠠᠳᠠ᠂ | ᠬᠤᠰᠢᠭᠤ ᠵᠠᠰᠠᠭ ᠤᠨ ᠣᠷᠳᠣᠨ ᠲᠦᠷᠦᠯ ᠵᠣᠶᠢᠯ ᠤᠨ ᠬᠡᠷᠡᠭᠵᠢᠭᠦᠯᠦᠯᠳᠡ ᠶᠢ ᠭᠤᠣᠯᠳᠠᠯᠭᠠᠳᠦ ᠠᠵᠢᠯ ᠪᠣᠯᠭᠠᠨ | ᠰᠢᠪᠠᠳᠠᠨ ᠪᠠᠶᠢᠴᠠᠭᠠᠨ᠎ᠠ᠃ ᠡᠯ᠎ᠡ ᠪᠠᠯᠭᠠᠰᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠡᠭᠦᠷᠭᠡ ᠶᠢᠨ | ᠬᠤᠪᠢᠶᠠᠷᠢᠯᠠᠯᠳᠠ ᠵᠢᠴᠢ ᠬᠤᠭᠤᠴᠠᠭᠠᠯᠠᠭᠰᠠᠨ ᠠᠬᠢᠴᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠠᠷᠭ᠎ᠠ ᠠᠪᠴᠠᠯ | ᠢᠶᠠᠨ ᠣᠯᠠᠮ ᠨᠢᠭᠡ ᠠᠯᠬᠤᠮ ᠨᠠᠷᠢᠯᠢᠭᠵᠢᠭᠤᠯᠵᠣ᠂ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠣᠨ᠂ ᠪᠣᠳᠠᠳᠠᠢ | ᠬᠡᠷᠡᠭᠵᠢᠭᠦᠯᠦᠯᠳᠡ ᠶᠢᠨ ᠲᠦᠰᠦᠯ ᠲᠣᠭᠳᠠᠭᠠᠵᠣ᠂ ᠲᠣᠷᠰᠢᠯᠳᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ | ᠠᠬᠢᠭᠤᠯᠣᠨ᠎ᠠ᠃ ᠣᠳᠣᠷᠢᠳᠬᠤ ᠲᠣᠭᠤᠶᠢᠯᠠᠩ ᠤᠨ ᠠᠯᠪᠠᠨ ᠭᠡᠷ ᠲᠣᠭᠳᠠᠭᠰᠠᠨ ᠬᠤᠭᠤᠴᠠᠭ᠎ᠠ ᠲᠠᠢ ᠪᠠᠷ | ᠭᠤᠣᠯᠳᠠᠯᠭᠠᠳᠦ ᠢᠨᠵᠧᠨᠧᠷᠢᠩ ᠤᠨ ᠬᠡᠷᠡᠭᠵᠢᠭᠦᠯᠦᠯᠳᠡ ᠶᠢᠨ ᠪᠠᠶᠢᠳᠠᠯ ᠢ ᠲᠣᠬᠢᠷᠠᠭᠤᠯᠵᠣ᠂ ᠴᠠᠭ ᠲᠣᠬᠠᠢ ᠳᠤ ᠨᠢ | ᠣᠳᠣᠷᠢᠳᠬᠤ ᠲᠣᠭᠤᠶᠢᠯᠠᠩ ᠳᠤ ᠮᠡᠳᠡᠭᠦᠯᠦᠨ᠂ ᠲᠣᠷᠰᠢᠯᠳᠠ ᠶᠢᠨ ᠴᠡᠭ ᠤᠨ ᠲᠦᠷᠦᠯ ᠵᠣᠶᠢᠯ ᠢ ᠲᠣᠭᠳᠠᠭᠰᠠᠨ | ᠬᠤᠭᠤᠴᠠᠭᠠᠨ ᠳᠤ ᠪᠠᠨ ᠪᠠᠷᠢᠯᠭ᠎ᠠ ᠲᠠᠭᠤᠰᠬᠤ ᠶᠢ ᠪᠠᠳᠣᠯᠠᠨ᠎ᠠ᠃ | ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠠᠷᠠᠯᠵᠢᠶ᠎ᠠ ᠪᠣᠯᠣᠨ ᠮᠡᠳᠡᠭᠡ ᠵᠠᠩᠬᠢᠴᠢᠯᠠᠯᠳᠠ ᠶᠢᠨ | ᠲᠣᠪᠴᠢᠶ᠎ᠠ ︵ᠣᠳᠣᠷᠢᠳᠬᠤ ᠲᠣᠭᠤᠶᠢᠯᠠᠩ ᠤᠨ ᠠᠯᠪᠠᠨ ᠭᠡᠷ︶ | ᠬᠠᠷᠢᠯᠴᠠᠬᠤ ᠬᠦᠮᠦᠨ᠄ ᠨᠠᠬᠢᠶ᠎ᠠ | ᠬᠠᠷᠢᠯᠴᠠᠬᠤ ᠣᠳᠠᠰᠣ᠄ 0477 — 7633918 | ᠡᠯᠧᠺᠲᠷᠣᠨ ᠰᠢᠣᠳᠠᠨ ᠬᠠᠶᠢᠷᠴᠠᠭ᠄ 1780156152@QQ.com | ᠲᠣᠮᠳᠠᠳᠦ ᠣᠯᠣᠰ ᠤᠨ ᠨᠢᠭᠡᠳᠦᠮᠡᠯ ᠬᠤᠯᠪᠣᠭ᠎ᠠ ᠶᠢᠨ ᠣᠳᠤᠭ ᠤᠨ ᠡᠮᠦᠨᠡᠳᠦ ᠬᠤᠰᠢᠭᠤᠨ ᠳᠠᠬᠢ ᠬᠤᠪᠢᠶᠠᠷᠢ | ᠺᠣᠮᠫᠠᠨᠢ | ᠬᠠᠷᠢᠯᠴᠠᠬᠤ ᠬᠦᠮᠦᠨ᠄ ᠸᠠᠩ ᠶᠢᠨ ᠹᠧᠩ᠂ ᠵᠣᠣ ᠰᠢᠶᠣᠣ ᠫᠢᠩ | ᠬᠠᠷᠢᠯᠴᠠᠬᠤ ᠣᠳᠠᠰᠣ᠄ 18647173933 | ᠡᠯᠧᠺᠲᠷᠣᠨ ᠰᠢᠣᠳᠠᠨ ᠬᠠᠶᠢᠷᠴᠠᠭ᠄ 838803009@QQ.com | ᠲᠠᠭᠠᠯᠳᠣᠭᠤᠯᠣᠯ᠄ 1. ᠣᠳᠤᠭ ᠤᠨ ᠡᠮᠦᠨᠡᠳᠦ ᠬᠤᠰᠢᠭᠤᠨ ᠤ ᠮᠡᠳᠡᠭᠡ ᠵᠠᠩᠬᠢ ᠴᠢᠮᠡᠭᠡ ᠬᠤᠯᠪᠣᠭᠠᠠ ᠤ ᠰᠠᠭᠤᠷᠢ | ᠲᠦᠬᠦᠭᠡᠷᠣᠮᠵᠢ ᠶᠢᠨ ᠪᠠᠶᠢᠭᠤᠯᠣᠯᠳᠠ ᠶᠢᠨ ᠣᠳᠣᠷᠢᠳᠬᠤ ᠲᠣᠭᠤᠶᠢᠯᠠᠩ ᠤᠨ ᠬᠡᠰᠢᠭᠦᠳ | 2. ᠣᠳᠤᠭ ᠤᠨ ᠡᠮᠦᠨᠡᠳᠦ ᠬᠤᠰᠢᠭᠤᠨ ᠤ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠦᠷᠦᠯ | ᠵᠣᠶᠢᠯ ᠤᠨ ᠲᠦᠯᠦᠪᠯᠡᠭᠡ ᠶᠢᠨ ᠬᠦᠰᠦᠨᠦᠭᠳᠦ | ᠲᠠᠭᠠᠯᠳᠣᠭᠤᠯᠣᠯ 1᠄ | ᠣᠳᠤᠭ ᠤᠨ ᠡᠮᠦᠨᠡᠳᠦ ᠬᠤᠰᠢᠭᠤᠨ ᠤ ᠮᠡᠳᠡᠭᠡ ᠵᠠᠩᠬᠢ ᠴᠢᠮᠡᠭᠡ ᠬᠤᠯᠪᠣᠭᠠᠨ ᠤ ᠰᠠᠭᠤᠷᠢ ᠲᠦᠬᠦᠭᠡᠷᠣᠮᠵᠢ ᠶᠢᠨ | ᠪᠠᠶᠢᠭᠤᠯᠣᠯᠳᠠ ᠶᠢᠨ ᠣᠳᠣᠷᠢᠳᠬᠤ ᠲᠣᠭᠤᠶᠢᠯᠠᠩ ᠤᠨ ᠬᠡᠰᠢᠭᠦᠳ | ᠲᠣᠭᠤᠶᠢᠯᠠᠩ ᠤᠨ ᠲᠠᠷᠤᠭ᠎ᠠ᠄ ᠸᠠᠩ ᠫᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ | ᠲᠡᠳ᠋ ᠲᠠᠷᠤᠭ᠎ᠠ | ᠲᠣᠭᠤᠶᠢᠯᠠᠩ ᠤᠨ ᠲᠡᠳ᠋ ᠲᠠᠷᠤᠭ᠎ᠠ᠄ ᠯᠢᠦ ᠲᠢᠶᠠᠨ ᠶᠦᠨ ᠬᠤᠰᠢᠭᠤᠨ ᠤ ᠠᠵᠣ ᠠᠬᠤᠢ ᠮᠡᠳᠡᠭᠡ ᠵᠠᠩᠬᠢ | ᠶᠢᠨ ᠲᠣᠪᠴᠢᠶᠠᠨ ᠲᠠᠷᠤᠭ᠎ᠠ | ᠵᠢᠢ ᠰᠢᠶᠦ᠋ᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠡᠳ᠋ ᠡᠷᠬᠢᠯᠡᠭᠴᠢ | ᠭᠡᠰᠢᠭᠦᠳ᠄ ᠸᠧᠢ ᠱᠢ ᠬᠠᠢ ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠤᠨ ᠲᠡᠳ᠋ ᠲᠠᠷᠤᠭ᠎ᠠ᠂ | ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠠᠯᠪᠠᠨ ᠭᠡᠷ ᠤᠨ ᠡᠷᠬᠢᠯᠡᠭᠴᠢ | ᠠᠯᠳ᠋ᠬᠠᠭᠤᠯᠠ ᠣᠯᠵᠠᠴᠢ ᠪᠠᠯᠭᠠᠰᠦ ᠶᠢᠨ ᠪᠠᠯᠭᠠᠰᠣᠨ ᠲᠠᠷᠤᠭ᠎ᠠ | ᠷᠠᠰᠢ ᠱᠠᠩᠬᠠᠢ ᠶᠢᠨ ᠰᠦᠮ᠎ᠡ ᠪᠠᠯᠭᠠᠰᠦ ᠶᠢᠨ ᠪᠠᠯᠭᠠᠰᠣᠨ ᠲᠠᠷᠤᠭ᠎ᠠ | ᠪᠦᠷᠢᠨᠪᠠᠶᠠᠷ ᠪᠣᠷᠣᠪᠠᠯᠭᠠᠰᠦ ᠪᠠᠯᠭᠠᠰᠦ ᠶᠢᠨ ᠪᠠᠯᠭᠠᠰᠣᠨ ᠲᠠᠷᠤᠭ᠎ᠠ | ᠸᠠᠩ ᠯᠢᠨ ᠨᠠᠩᠰᠦ ᠪᠠᠯᠭᠠᠰᠦ ᠶᠢᠨ ᠪᠠᠯᠭᠠᠰᠣᠨ ᠲᠠᠷᠤᠭ᠎ᠠ | ᠯᠥᠸᠧ ᠵᠢᠶᠠᠨ ᠰᠢᠶᠦ᠋ᠨ ᠬᠤᠰᠢᠭᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠲᠣᠪᠴᠢᠶᠠᠨ ᠲᠠᠷᠤᠭ᠎ᠠ | ᠠᠶᠣᠰᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠲᠠᠷᠤᠭ᠎ᠠ | ᠸᠠᠩ ᠵᠢᠶᠠᠨ ᠫᠢᠩ ᠬᠤᠰᠢᠭᠤᠨ ᠤ ᠣᠯᠣᠰ ᠤᠨ ᠭᠠᠵᠠᠷ ᠰᠢᠷᠣᠢ ᠶᠢᠨ ᠲᠣᠪᠴᠢᠶᠠᠨ ᠲᠠᠷᠤᠭ᠎ᠠ | ᠴᠢᠨ ᠯᠢᠩ ᠹᠧᠩ ᠬᠤᠰᠢᠭᠤᠨ ᠤ ᠣᠢ ᠰᠢᠭᠤᠢ ᠶᠢᠨ ᠲᠣᠪᠴᠢᠶᠠᠨ ᠲᠠᠷᠤᠭ᠎ᠠ | ᠯᠢ ᠵᠢᠶᠠᠨ ᠰᠢᠶᠦ᠋ᠨ ᠬᠤᠰᠢᠭᠤᠨ ᠤ ᠣᠰᠣᠨ ᠤ ᠶᠠᠪᠣᠳᠠᠯ ᠤᠨ ᠲᠣᠪᠴᠢᠶᠠᠨ ᠲᠠᠷᠤᠭ᠎ᠠ | ᠪᠢᠶᠠᠨ ᠽᠢ ᠸᠧᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶᠠᠨ ᠲᠠᠷᠤᠭ᠎ᠠ | ᠶᠠᠩ ᠱᠧᠩ ᠵᠢᠶᠦ᠋ᠨ ᠬᠤᠰᠢᠭᠤᠨ ᠤ ᠣᠷᠴᠢᠨ ᠬᠠᠮᠠᠭᠠᠯᠠᠯᠳᠡ ᠶᠢᠨ ᠲᠣᠪᠴᠢᠶᠠᠨ ᠲᠠᠷᠤᠭ᠎ᠠ | ᠯᠢ ᠶᠦᠨ ᠯᠥᠩ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠲᠠᠷᠤᠭ᠎ᠠ | ᠷᠧᠨ ᠫᠧᠩ ᠬᠤᠰᠢᠭᠤᠨ ᠤ ᠬᠤᠳᠠ ᠶᠢᠨ ᠬᠠᠣᠯᠢ ᠬᠡᠷᠡᠭᠵᠢᠭᠦᠯᠦᠯᠳᠡ ᠶᠢᠨ ᠲᠣᠪᠴᠢᠶᠠᠨ ᠲᠠᠷᠤᠭ᠎ᠠ | ᠢᠦᠢ ᠺᠧ ᠴᠢ ᠬᠤᠰᠢᠭᠤᠨ ᠤ ᠴᠡᠴᠡᠷᠯᠢᠭᠵᠢᠭᠦᠯᠦᠯᠳᠡ ᠶᠢᠨ ᠲᠣᠪᠴᠢᠶᠠᠨ ᠤ ᠲᠠᠷᠤᠭ᠎ᠠ | ᠮᠤ᠋ ᠪᠢᠨ ᠦ᠋ ᠬᠤᠰᠢᠭᠤᠨ ᠤ ᠣᠷᠣᠨ ᠰᠠᠭᠤᠴᠠ ᠪᠦᠳᠦᠭᠡᠨ ᠪᠠᠶᠢᠭᠤᠯᠣᠯᠳᠠ ᠶᠢᠨ ᠲᠣᠪᠴᠢᠶᠠᠨ ᠤ ᠲᠡᠳ᠋ | ᠲᠠᠷᠤᠭ᠎ᠠ | ᠰᠸᠧᠩ ᠬᠤᠰᠢᠭᠤᠨ ᠤ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠦᠯᠳᠡ ᠶᠢᠨ ᠲᠣᠪᠴᠢᠶᠠᠨ ᠤ ᠲᠡᠳ᠋ | ᠲᠠᠷᠤᠭ᠎ᠠ | ᠮᠤ᠋ ᠶᠣᠣ ᠦ᠋ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠲᠠᠭᠠᠭᠠᠮᠠᠯ | ᠪᠦᠬᠡ ᠬᠤᠰᠢᠭᠤᠨ ᠤ ᠴᠠᠬᠢᠯᠭᠠᠨ ᠬᠤᠯᠪᠣᠭᠠᠨ ᠤ ᠺᠣᠮᠫᠠᠨᠢ ᠶᠢᠨ ᠶᠡᠷᠦᠩᠬᠡᠢ ᠲᠠᠭᠠᠭᠠᠮᠠᠯ | ᠯᠢ ᠯᠢ ᠬᠤᠰᠢᠭᠤᠨ ᠤ ᠨᠡᠭᠦᠳᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠢ ᠲᠠᠭᠠᠭᠠᠮᠠᠯ | ᠸᠠᠩ ᠶᠢᠨ ᠹᠧᠩ ᠬᠤᠰᠢᠭᠤᠨ ᠤ ᠨᠢᠭᠡᠳᠦᠮᠡᠯ ᠬᠤᠯᠪᠣᠭᠠᠨ ᠤ ᠺᠣᠮᠫᠠᠨᠢ ᠶᠢᠨ ᠶᠡᠷᠦᠩᠬᠡᠢ ᠲᠠᠭᠠᠭᠠᠮᠠᠯ | ᠴᠧᠩ ᠰᠢᠶᠣᠣ ᡁᠢ ᠬᠤᠰᠢᠭᠤᠨ ᠤ ᠲᠢᠶᠧ ᠲᠠ ᠺᠣᠮᠫᠠᠨᠢ ᠶᠢᠨ ᠶᠡᠷᠦᠩᠬᠡᠢ ᠲᠠᠭᠠᠭᠠᠮᠠᠯ | ᠣᠳᠣᠷᠢᠳᠬᠤ ᠲᠣᠭᠤᠶᠢᠯᠠᠩ ᠤᠨ ᠠᠯᠪᠠᠨ ᠭᠡᠷ ᠬᠤᠰᠢᠭᠤᠨ ᠤ ᠠᠵᠣ ᠠᠬᠤᠢ ᠮᠡᠳᠡᠭᠡ ᠵᠡᠩᠬᠢ ᠶᠢᠨ | ᠲᠣᠪᠴᠢᠶᠠᠨ ᠳᠤ ᠠᠯᠪᠠᠯᠠᠵᠣ᠂ ᠮᠡᠳᠡᠭᠡ ᠵᠠᠩᠬᠢ ᠴᠢᠮᠡᠭᠡ ᠬᠤᠯᠪᠣᠭᠠᠠ ᠤ ᠰᠠᠭᠤᠷᠢ ᠲᠦᠬᠦᠭᠡᠷᠣᠮᠵᠢ ᠶᠢᠨ | ᠪᠠᠶᠢᠭᠤᠯᠣᠯᠳᠠ ᠶᠢᠨ ᠡᠳᠦᠷ ᠲᠣᠳᠣᠮ ᠤᠨ ᠠᠵᠢᠯ ᠢ ᠪᠣᠳᠠᠳᠠᠢ ᠬᠠᠷᠢᠭᠤᠴᠠᠨ᠎ᠠ᠂ ᠣᠳᠣᠷᠢᠳᠬᠤ ᠲᠣᠭᠤᠶᠢᠯᠠᠩ ᠤᠨ | ᠬᠡᠰᠢᠭᠦᠳ ᠤᠨ ᠠᠵᠢᠯ ᠤᠨ ᠪᠠᠶᠢᠷᠢ ᠬᠤᠪᠢᠷᠠᠯᠳᠠ ᠭᠠᠷᠪᠠᠯ ᠬᠠᠷᠠᠭᠠᠯᠵᠠᠭᠰᠠᠨ ᠬᠠᠷᠢᠭᠤᠴᠠᠯᠭᠠᠳᠠᠨ ᠠᠵᠢᠯ ᠢ ᠨᠢ | ᠡᠭᠦᠷᠭᠡᠯᠡᠨ᠎ᠡ᠂ ᠲᠠᠬᠢᠨ ᠮᠡᠳᠡᠭᠳᠡᠯ ᠪᠠᠭᠤᠯᠭᠠᠬᠤ ᠦᠭᠡᠢ᠃ | | | | ᠲᠠᠭᠠᠯᠳᠣᠭᠤᠯᠣᠯ 2᠄ | ᠣᠳᠤᠭ ᠤᠨ ᠡᠮᠦᠨᠡᠳᠦ ᠬᠤᠰᠢᠭᠤᠨ ᠤ ᠴᠠᠬᠢᠯᠭᠠᠨ ᠬᠤᠯᠪᠣᠭᠠᠨ ᠤ ᠲᠦᠭᠡᠮᠡᠯ ᠣᠶᠢᠯᠡᠴᠢᠯᠡᠭᠡᠨ ᠤ ᠲᠦᠷᠦᠯ ᠵᠣᠶᠢᠯ | ᠤᠨ ᠲᠦᠯᠦᠪᠯᠡᠭᠡ ᠶᠢᠨ ᠬᠦᠰᠦᠨᠦᠭᠳᠦ | | | | | | | | | | | |