ᠤᠳᠤᠭ ᠤᠨ ᠡᠮᠦᠨᠡᠳᠤ ᠬᠤᠰᠢᠭᠤ 300 ᠰᠢᠬᠠᠮ ᠲᠤᠨ ᠨᠤᠯᠤᠤᠷ ᠪᠤᠷᠤᠯᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018-06-20
       ᠤᠳᠤᠭ ᠤᠨ ᠡᠮᠦᠨᠡᠲᠦ ᠬᠤᠰᠢᠭᠤ ᠪᠤᠯ ᠪᠦᠬᠦ ᠬᠤᠳᠠ ᠶᠢᠨ ᠨᠤᠤᠯᠤᠷ ᠤᠨ ᠴᠠᠭᠠᠨ ᠢᠮᠠᠭᠠᠨ ᠤ ᠭᠤᠤᠯ ᠰᠠᠭᠤᠷᠢᠨ ᠭᠠᠵᠠᠷ ᠶᠤᠮ᠃ ᠡᠨᠡ ᠵᠢᠯ ᠤᠨ ᠨᠤᠯᠤᠤᠷ ᠰᠠᠮᠨᠠᠵᠤ ᠬᠤᠳᠠᠯᠳᠤᠬᠤ ᠴᠠᠭ ᠢᠶᠠᠷ ᠲᠤᠰ ᠬᠤᠰᠢᠭᠤ ᠪᠠᠷᠤᠭ 300 ᠭᠠᠷᠤᠢ ᠲᠤᠨ ᠨᠤᠤᠯᠤᠷ ᠢ ᠵᠠᠬ᠎ᠠ ᠲᠠᠯᠬᠡᠭᠦᠷ ᠲᠤ ᠭᠠᠷᠭᠠᠬᠤ ᠪᠠᠷ ᠪᠠᠶᠢᠨ᠎ᠠ᠃ ᠤᠳᠤᠬᠠᠨ ᠳᠤ᠂ ᠬᠦᠳᠡᠭᠡ ᠲᠤᠰᠬᠤᠨ ᠮᠠᠯᠵᠢᠬᠤ ᠤᠷᠤᠨ ᠢᠶᠠᠷ ᠢᠮᠠᠭ᠎ᠠ ᠰᠠᠮᠨᠠᠬᠤ ᠠᠵᠢᠯ ᠦᠨᠳᠤᠰᠤᠨ ᠳᠤ ᠪᠠᠨ ᠰᠢᠪᠳᠤᠷᠭᠠᠨ ᠳᠤ ᠪᠠᠨ ᠤᠷᠤᠵᠤ᠂ ᠵᠠᠬ᠎ᠠ ᠲᠠᠯᠭᠡᠬᠦᠷ ᠲᠡᠭᠡᠷ᠎ᠡ ᠨᠤᠯᠤᠤᠷ ᠤᠨ ᠦᠨ᠎ᠠ ᠶᠠᠮᠠᠷ ᠪᠠᠶᠢᠬᠤ᠂ ᠬᠦᠮᠦᠰ ᠨᠤᠯᠤᠤᠷ ᠢᠶᠠᠨ ᠭᠡᠳᠤᠢ ᠪᠠᠷ ᠬᠤᠳᠠᠯᠳᠤᠵᠤ ᠪᠠᠶᠢᠬᠤ ᠵᠡᠷᠭᠡ ᠶᠢ ᠮᠠᠯᠴᠢᠳ ᠬᠠᠮᠤᠭ ᠠᠴᠠ ᠢᠯᠡᠭᠦᠦ ᠠᠩᠬᠠᠷᠴᠤ᠂ ᠠᠩᠬ᠎ᠠ ᠠᠯᠬᠤᠮ ᠤᠶᠢᠯᠠᠭᠠᠭᠰᠠᠨ ᠢᠶᠠᠷ ᠡᠨᠡ ᠵᠢᠯ ᠤᠨ ᠨᠤᠯᠤᠤᠷ ᠤᠨ ᠦᠨ᠎ᠠ ᠪᠠᠶᠠᠷᠯᠠᠭᠤᠰᠢᠳᠡᠢ ᠦᠷᠳᠡᠭ ᠲᠤ ᠬᠦᠷᠴᠤ ᠪᠠᠶᠢᠨ᠎ᠠ᠃    ᠤᠯᠵᠠᠴᠢ ᠪᠠᠯᠭᠠᠰᠤᠨ ᠤ ᠶᠠᠬᠡᠨ᠋ᠤᠰᠤ ᠭᠠᠴᠠᠭᠠᠨ ᠤ ᠮᠠᠯᠴᠢᠨ ᠰᠢᠤᠢ ᠹᠧᠩ ᠱᠠᠨ 4 ᠰᠠᠷ᠎ᠠ ᠶᠢᠨ ᠰᠠᠬᠦᠯᠴᠢ ᠠᠴᠠ ᠡᠬᠢᠯᠠᠨ ᠴᠠᠭ ᠢ ᠵᠠᠪᠳᠤᠨ ᠢᠮᠠᠭ᠎ᠠ ᠪᠠᠨ ᠰᠠᠮᠨᠠᠵᠤ᠂ ᠤᠳᠤᠬᠠᠨ ᠳᠤ 300 ᠭᠠᠷᠤᠢ ᠢᠮᠠᠭ᠎ᠠ ᠪᠠᠨ ᠪᠠᠷᠤᠭ ᠰᠠᠮᠨᠠᠵᠤ ᠪᠠᠷᠠᠭᠠᠳ ᠨᠤᠯᠤᠤᠷ ᠢᠶᠠᠨ ᠬᠤᠳᠠᠯᠳᠤᠬᠤ ᠰᠠᠨᠠᠭᠠᠳᠡᠢ ᠪᠠᠶᠢᠯ᠎ᠠ᠃ ᠨᠢᠳᠤᠨᠤᠨ ᠤ ᠨᠤᠤᠯᠤᠷ ᠤᠨ ᠦᠨ᠎ᠠ ᠨᠢ ᠵᠢᠩ ᠲᠤᠲᠤᠮ ᠳᠤ ᠪᠠᠨ 115 — 120 ᠲᠦᠭᠦᠷᠢᠭ ᠪᠠᠶᠢᠭᠰᠠᠨ᠂ ᠭᠡᠳᠡᠯ᠎ᠠ ᠡᠨᠠ ᠵᠢᠯ ᠬᠠᠷᠢᠨ 165 — 170 ᠲᠦᠭᠦᠷᠢᠭ ᠲᠤ ᠭᠦᠷᠴᠤ᠂ 40% ᠪᠠᠷ ᠨᠠᠮᠡᠭᠳᠡᠭᠰᠠᠨ ᠪᠠᠶᠢᠨ᠎ᠠ᠃ ᠡᠨᠡ ᠨᠢ ᠮᠠᠯ ᠠᠵᠤ ᠠᠬᠤᠢ ᠪᠠᠷ ᠭᠤᠤᠯ ᠪᠤᠯᠭᠠᠵᠤ ᠂ ᠮᠠᠯ ᠤᠨ ᠠᠰᠢᠭ ᠰᠢᠮ᠎ᠠ ᠪᠠᠷ ᠤᠷᠤᠯᠭ᠎ᠠ ᠶᠢᠨ ᠨᠠᠮᠡᠭᠳᠠᠯ ᠪᠤᠯᠭᠠᠭᠰᠠᠨ ᠮᠠᠯᠴᠢᠳ ᠤᠨ ᠬᠠᠮᠤᠭ ᠤᠨ ᠪᠠᠶᠠᠷᠯᠠᠭᠤᠰᠢᠳᠠᠢ ᠤᠴᠢᠷ ᠪᠤᠯᠤᠭᠰᠠᠨ ᠪᠠᠶᠢᠨ᠎ᠠ᠃ ᠰᠤᠷᠪᠤᠯᠵᠢᠯᠠᠭᠴᠢ ᠬᠠᠮᠢᠶ᠎ᠠ ᠪᠦᠬᠦᠢ ᠬᠦᠮᠦᠰ ᠠᠴᠠ ᠰᠤᠷᠪᠤᠯᠵᠢᠯᠠᠨ ᠤᠶᠢᠯᠠᠭᠠᠭᠰᠠᠨ ᠢᠶᠠᠷ᠂ ᠪᠦᠭᠦ ᠤᠯᠤᠰ ᠤᠨ ᠬᠡᠪᠴᠢᠶᠠᠨ ᠳᠤ ᠠᠪᠤᠭᠠᠳ ᠬᠡᠯᠠᠪᠠᠯ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠠ ᠲᠠᠬᠡᠭᠰᠢᠯᠠᠨ᠂ ᠨᠤᠤᠯᠤᠷ ᠤᠨ ᠪᠦᠳᠤᠬᠡᠭᠳᠠᠭᠦᠨ ᠢ ᠵᠠᠷᠤᠵᠤ ᠬᠡᠷᠡᠭᠯᠠᠭᠦ ᠭᠦᠮᠤᠨ ᠠᠷᠪᠢᠨ ᠪᠤᠯᠵᠤ᠂ ᠬᠡᠷᠡᠭᠯᠠᠬᠡᠨ ᠤ ᠵᠠᠬ᠎ᠠ ᠳᠡᠯᠭᠡᠭᠦᠷ ᠥᠷᠭᠡᠵᠢᠭᠰᠡᠨ ᠵᠡᠷᠭᠡ ᠰᠢᠯᠲᠠᠭᠠᠨ ᠠᠴᠠ ᠪᠤᠯᠤᠭᠠᠳ ᠨᠤᠤᠯᠤᠷ ᠤᠨ ᠦᠨ᠎ᠠ ᠨᠠᠮᠡᠭᠳᠡᠭᠰᠠᠨ ᠭᠡᠵᠤ ᠦᠵᠠᠵᠠᠭᠡᠵᠤ ᠪᠠᠶᠢᠨ᠎ᠠ᠃ ᠪᠦᠭᠦ ᠤᠷᠤᠨ ᠤ ᠨᠤᠤᠯᠤᠷ ᠤᠨ ᠴᠠᠭᠠᠨ ᠢᠮᠠᠭ᠎ᠠ ᠨᠢ ᠠᠷᠪᠠᠰ ᠤᠨ ᠴᠠᠭᠠᠨ ᠢᠮᠠᠭ᠎ᠠ᠂ ᠠᠯᠠᠱᠠ ᠴᠠᠭᠠᠨ ᠢᠮᠠᠭ᠎ᠠ᠂ ᠤᠷᠠᠳ ᠤᠨ ᠴᠠᠭᠠᠨ ᠢᠮᠠᠭ᠎ᠠ ᠬᠡᠭᠦ ᠭᠤᠷᠪᠠᠨ ᠲᠦᠷᠤᠯ ᠪᠠᠶᠢᠳᠠᠭ᠃ ᠡᠭᠦᠨ ᠳᠤ ᠤᠷᠳᠤᠰ ᠤᠨ ᠠᠷᠪᠠᠰ ᠤᠨ ᠴᠠᠭᠠᠨ ᠢᠮᠠᠭ᠎ᠠ ᠨᠢ ᠬᠠᠮᠤᠭ ᠨᠠᠷᠠᠳᠠᠢ ᠶᠤᠮ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号