ᠡᠵᠡᠨ ᠬᠤᠷᠤᠭ᠎ᠠ ᠬᠤᠰᠢᠭᠤ ᠮᠠᠰᠢᠨ ᠢᠶᠠᠷ ᠭᠠᠵᠠᠷ ᠬᠠᠭᠠᠯᠪᠤᠷᠢᠯᠠᠵᠤ ᠰᠤᠯᠠᠳᠬᠠᠬᠤ ᠮᠡᠷᠭᠡᠵᠢᠯ ᠢ ᠦᠷᠭᠡᠨ ᠢᠶᠠᠷ | ᠲᠡᠯᠭᠡᠷᠡᠬᠦᠯᠤᠨ ᠬᠡᠷᠡᠭᠯᠡᠵᠦ᠂ ᠮᠠᠯᠴᠢᠨ ᠲᠠᠷᠢᠶᠠᠴᠢᠳ ᠤᠨ ᠮᠠᠯ ᠲᠠᠷᠢᠶᠠᠯᠠᠩ ᠤᠨ ᠤᠷᠤᠯᠭ᠎ᠠ ᠶᠢ ᠦᠨᠡᠨ ᠬᠦ | ᠲᠡᠭᠡᠭᠰᠢᠯᠡᠬᠦᠯᠵᠦ ᠪᠠᠶᠢᠨ᠎ᠠ᠃ ᠡᠨᠡ ᠵᠢᠯ ᠡᠵᠡᠨ ᠬᠤᠷᠤᠭ᠎ᠠ ᠬᠤᠰᠢᠭᠤ ᠮᠠᠰᠢᠨ ᠢᠶᠠᠷ ᠭᠠᠵᠠᠷ ᠬᠠᠭᠠᠯᠪᠤᠷᠢᠯᠠᠵᠤ | ᠰᠤᠯᠠᠳᠬᠠᠬᠤ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠦ᠂ 5000 ᠮᠦ ᠭᠠᠵᠠᠷ ᠢ ᠰᠤᠯᠠᠳᠬᠠᠬᠤ ᠪᠠᠷ | ᠪᠠᠶᠢᠵᠤ᠂ ᠮᠦ ᠪᠦᠷᠢ ᠳᠤ 25 ᠲᠦᠬᠦᠷᠢᠭ ᠤᠨ ᠨᠦᠬᠦᠪᠦᠷᠢ ᠦᠭᠴᠤ᠂ ᠨᠡᠶᠢᠳᠡ 12.5 ᠲᠦᠮᠡᠨ ᠲᠦᠬᠦᠷᠢᠭ ᠤᠨ | ᠨᠦᠬᠦᠪᠦᠷᠢ ᠦᠭᠬᠦ ᠪᠠᠷ ᠪᠤᠢ᠃ 2018 ᠤᠨ ᠤ ᠮᠠᠰᠢᠨ ᠢᠶᠠᠷ ᠭᠠᠵᠠᠷ ᠬᠠᠭᠠᠯᠪᠤᠷᠢᠯᠠᠵᠤ ᠰᠤᠯᠠᠳᠬᠠᠬᠤ ᠠᠵᠢᠯ | ᠦᠨᠳᠦᠷ ᠦᠷ᠎ᠡ ᠪᠦᠳᠦᠮᠵᠢᠳᠡᠢ᠂ ᠡᠮᠬᠢ ᠲᠢᠭᠯᠢᠮ ᠲᠠᠢ ᠶᠠᠪᠤᠭᠳᠠᠬᠤ ᠶᠢ ᠪᠠᠳᠤᠯᠠᠬᠤ ᠶᠢᠨ ᠲᠦᠯᠦᠭᠡ ᠡᠵᠡᠨ ᠬᠤᠷᠤᠭ᠎ᠠ | ᠬᠤᠰᠢᠭᠤᠨ ᠤ ᠲᠠᠷᠢᠶᠠᠯᠠᠩ ᠤᠨ ᠮᠠᠰᠢᠨ ᠤ ᠲᠤᠪᠴᠢᠶ᠎ᠠ ᠶᠢᠨ ᠮᠡᠷᠭᠡᠵᠢᠯᠳᠡᠨ ᠮᠠᠰᠢᠨ ᠢᠶᠠᠷ ᠭᠠᠵᠠᠷ ᠰᠤᠯᠠᠳᠬᠠᠬᠤ ᠨᠢ | ᠠᠨᠵᠢᠰᠤ ᠪᠠᠷ ᠭᠠᠵᠠᠷ ᠬᠠᠭᠠᠯᠪᠤᠷᠢᠯᠠᠭᠰᠠᠨ ᠢ ᠪᠤᠳᠤᠪᠠᠯ ᠬᠦᠨ ᠪᠠᠶᠢᠵᠤ᠂ ᠲᠠᠷᠢᠮᠠᠯ ᠤᠨ ᠦᠨᠳᠤᠰᠤ ᠬᠠᠳᠬᠤᠵᠤ | ᠤᠷᠭᠤᠬᠤ ᠳᠤ ᠠᠰᠢᠭ ᠲᠠᠢ ᠵᠡᠷᠭᠡ ᠰᠠᠶᠢᠨ ᠲᠠᠢ ᠲᠠᠯ᠎ᠠ ᠶᠢ ᠤᠬᠠᠭᠤᠯᠤᠨ ᠲᠠᠶᠢᠯᠪᠤᠷᠢᠯᠠᠵᠤ᠂ ᠮᠠᠯᠴᠢᠨ ᠲᠠᠷᠢᠶᠠᠴᠢᠳ | ᠲᠠᠷᠢᠶᠠᠯᠠᠩ ᠤᠨ ᠮᠠᠰᠢᠨ ᠢᠶᠠᠷ ᠭᠠᠵᠠᠷ ᠢᠶᠠᠨ ᠰᠤᠯᠠᠳᠬᠠᠬᠤ ᠶᠢ ᠤᠷᠢᠶᠠᠯᠠᠬᠰᠠᠨ ᠪᠠᠶᠢᠨ᠎ᠠ᠃ ᠡᠬᠦᠨ ᠤ ᠲᠠᠭᠠᠤ ᠳᠤ | ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢ ᠰᠠᠶᠢᠳᠤᠷ ᠬᠢᠵᠤ᠂ ᠲᠠᠷᠢᠶᠠᠯᠡᠩ ᠤᠨ ᠮᠠᠰᠢᠨ ᠤ ᠲᠤᠮᠤ ᠡᠷᠦᠭᠡ ᠲᠠᠢ | ᠲᠤᠬᠢᠷᠠᠯᠴᠠᠨ ᠭᠠᠵᠠᠷ ᠬᠠᠭᠠᠯᠪᠤᠷᠢᠯᠠᠨ ᠰᠤᠯᠠᠳᠬᠠᠬᠤ ᠠᠵᠢᠯ ᠤᠨ ᠮᠠᠰᠢᠨ ᠢ ᠬᠢᠨᠠᠨ ᠲᠤᠭᠳᠠᠭᠠᠵᠤ᠂ ᠲᠤᠨᠤᠭ | ᠲᠦᠬᠦᠭᠡᠷᠦᠮᠵᠢ ᠤᠭᠰᠠᠷᠠᠨ᠂ ᠵᠢᠯᠤᠭᠤᠴᠢ ᠳᠤ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃ | |