5 ᠰᠠᠷ᠎ᠠ ᠶᠢᠨ 24 ᠤ ᠡᠳᠤᠷ᠂ ᠬᠠᠨᠭ᠍ᠬᠢᠨ ᠬᠤᠰᠢᠭᠤᠨ ᠤ ᠳᠦᠷᠦᠬᠦᠦ ᠪᠦᠯᠦᠭ ᠬᠦᠳᠡᠭᠡ ᠲᠤᠰᠬᠤᠨ ᠤ ᠭᠠᠵᠠᠷ | ᠰᠢᠷᠤᠢ ᠶᠢ ᠲᠠᠭᠠᠭᠠᠴᠢᠯᠠᠨ ᠡᠵᠡᠩᠨᠡᠭᠦ ᠡᠷᠭᠡ ᠶᠢᠨ ᠦᠨᠡᠮᠯᠡᠯ ᠲᠠᠷᠬᠠᠭᠠᠬᠤ ᠶᠤᠰᠤᠯᠠᠯ ᠪᠠᠯᠭᠤᠨ ᠪᠠᠯᠭᠠᠰᠤᠨ ᠳᠤ | ᠶᠠᠪᠤᠭᠳᠠᠪᠠ᠃ ᠡᠨᠡ ᠪᠤᠯ ᠮᠠᠨ ᠤ ᠬᠤᠳᠠ ᠶᠢᠨ ᠭᠡᠪᠴᠢᠶᠠᠨ ᠳᠤ ᠲᠠᠷᠬᠠᠭᠠᠭᠰᠠᠨ ᠳᠦᠷᠦᠬᠦᠦ ᠪᠦᠯᠦᠭ ᠭᠠᠵᠠᠷ | ᠰᠢᠷᠤᠢ ᠶᠢ ᠲᠠᠭᠠᠭᠠᠴᠢᠯᠠᠨ ᠡᠵᠡᠩᠨᠡᠭᠦ ᠡᠷᠭᠡ ᠶᠢᠨ ᠦᠨᠡᠮᠯᠡᠯ ᠪᠠᠶᠢᠵᠤ᠂ ᠮᠠᠯᠴᠢᠨ ᠲᠠᠷᠢᠶᠠᠴᠢᠳ ᠤᠨ ᠲᠠᠭᠠᠭᠠᠴᠢᠯᠠᠭᠰᠠᠨ | ᠭᠠᠵᠠᠷ ᠰᠢᠷᠤᠢ ᠬᠠᠤᠯᠢ ᠶᠤᠰᠤᠨ ᠤ ︽ᠪᠠᠶ᠎ᠠ ᠶᠢᠨ ᠦᠨᠡᠮᠯᠡᠯ︾ ᠲᠠᠢ ᠪᠤᠯᠤᠭᠰᠠᠨ ᠪᠠᠶᠢᠨ᠎ᠠ᠃ ᠲᠤᠰ ᠡᠳᠤᠷ ᠨᠡᠶᠢᠳᠡ | 429 ᠮᠠᠯᠴᠢᠨ ᠲᠠᠷᠢᠶᠠᠴᠢᠨ ᠡᠷᠤᠭᠡ ᠳᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠭᠦ ᠡᠷᠭᠡ ᠶᠢᠨ ᠦᠨᠡᠮᠯᠡᠯ ᠢ | ᠤᠯᠭᠤᠵᠤ᠂ ᠡᠨᠡ ᠨᠢ ᠮᠠᠨ ᠤ ᠬᠤᠳᠠ ᠶᠢᠨ ᠬᠦᠳᠡᠭᠡ ᠲᠤᠰᠬᠤᠨ ᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠭᠦ | ᠡᠷᠭᠡ ᠶᠢᠨ ᠦᠨᠡᠮᠯᠡᠯ ᠢ ᠲᠠᠷᠬᠠᠭᠠᠬᠤ ᠠᠵᠢᠯ ᠡᠬᠢᠯᠡᠭᠰᠡᠨ ᠢ ᠬᠠᠷᠠᠭᠤᠯᠵᠤ ᠪᠤᠢ᠃ | ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠭᠦ ᠡᠷᠭᠡ ᠶᠢᠨ ᠦᠨᠡᠮᠯᠡᠯ ᠢ ᠲᠦᠡᠭᠭᠡᠵᠢ ᠭᠠᠷᠳᠠᠭᠰᠠᠨ ᠡᠾᠧ ᠭᠧᠨ | ᠡᠾᠧ᠄ ︽ᠳᠤᠰ ᠦᠨᠡᠮᠯᠡᠯ ᠢ ᠭᠠᠷᠳᠠᠨ ᠠᠪᠤᠭᠠᠳ ᠪᠢᠳᠠ ᠭᠠᠵᠠᠷ ᠰᠢᠷᠦᠢ ᠪᠠᠨ ᠪᠠᠰᠠ 30 ᠵᠢᠯ ᠲᠠᠭᠠᠭᠠᠴᠢᠯᠠᠵᠤ | ᠪᠤᠯᠬᠤ ᠪᠤᠯᠤᠯ᠎ᠠ᠃ ᠡᠨᠡ ᠨᠢ ᠮᠠᠨ ᠤ ᠮᠠᠯᠴᠢᠨ ᠲᠠᠷᠢᠶᠠᠴᠢᠨ ᠳᠤ ᠠᠪᠴᠤ ᠬᠡᠯᠡᠪᠡᠯ ᠦᠨᠡᠭᠡᠷ ᠰᠠᠶᠢᠨ ᠤᠴᠢᠷ ᠶᠤᠮ᠃ | ᠤᠳᠤ ᠰᠠᠨᠠᠭ᠎ᠠ ᠠᠮᠤᠷ ᠪᠤᠯᠤᠯ᠎ᠠ︾ ᠭᠡᠵᠤ ᠰᠡᠳᠬᠢᠯ ᠲᠤᠭᠳᠤᠯᠤᠨ ᠶᠠᠷᠢᠨ᠎ᠠ᠃ 2014 ᠤᠨ ᠤ 9 ᠰᠠᠷ᠎ᠠ ᠳᠤ | ᠬᠠᠨᠭ᠍ᠬᠢᠨ ᠬᠤᠰᠢᠭᠤ ᠶᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠠᠴᠠ ᠪᠦᠬᠦ ᠤᠷᠤᠨ ᠤ ᠳᠦᠷᠦᠬᠦᠦ ᠪᠦᠯᠦᠭ ᠨᠡᠶᠢᠳᠡ ᠶᠢᠨ ᠦᠮᠴᠢᠯᠡᠯᠳᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ 10 ᠲᠤᠷᠰᠢᠯᠳᠠ ᠶᠢᠨ ᠴᠡᠭ ᠤᠨ ᠬᠤᠰᠢᠭᠤ ᠰᠢᠶᠠᠨ ᠤ ᠨᠢᠭᠡ ᠪᠠᠷ | ᠲᠤᠭᠳᠠᠭᠠᠭᠰᠠᠨ ᠶᠤᠮ᠃ ᠤᠶᠢᠢᠷ᠎ᠠ ᠶᠢᠨ ᠵᠢᠯ ᠠᠴᠠ ᠨᠠᠭᠠᠰᠢ᠂ ᠭᠠᠵᠠᠷ ᠰᠢᠷᠤᠢ ᠶᠢᠨ ᠦᠮᠴᠢᠯᠡᠯ ᠤᠨ ᠡᠷᠭᠡ | ᠲᠤᠳᠤᠷᠬᠠᠢ ᠪᠤᠰᠤ᠂ ᠭᠠᠵᠠᠷ ᠰᠢᠷᠦᠢ ᠶᠢᠨ ᠵᠠᠭᠠᠭ ᠱᠤᠭᠤᠮ ᠲᠤᠳᠤ ᠪᠤᠰᠤ᠂ ᠭᠠᠵᠠᠷ ᠰᠢᠷᠤᠢ ᠶᠢᠨ ᠲᠠᠯᠠᠪᠠᠢ ᠨᠢ | ᠤᠨᠤᠪᠴᠢ ᠦᠭᠡᠢ᠂ ᠲᠠᠩᠰᠠᠯᠠᠭᠰᠠᠨ ᠮᠡᠳᠡᠭᠡ ᠵᠠᠩᠬᠢ ᠨᠢ ᠪᠦᠷᠢᠨ ᠪᠤᠰᠤ ᠵᠡᠷᠭᠡ ᠰᠢᠯᠳᠠᠭᠠᠨ ᠠᠴᠠ ᠪᠤᠯᠵᠤ ᠡᠭᠦᠰᠦᠭᠰᠡᠨ | ᠭᠠᠵᠠᠷ ᠰᠢᠷᠤᠢ ᠶᠢᠨ ᠵᠦᠷᠢᠴᠡᠯ ᠵᠢᠭᠤᠷᠠᠯᠳᠤᠭᠠᠨ ᠤᠯᠠᠮ ᠠᠴᠠ ᠤᠯᠠᠮ ᠠᠷᠪᠢᠳᠴᠤ᠂ ᠮᠠᠯᠴᠢᠨ ᠲᠠᠷᠢᠶᠠᠴᠢᠳ ᠤᠨ | ᠡᠷᠭᠡ ᠠᠰᠢᠭ ᠬᠤᠬᠢᠷᠠᠯ ᠳᠤ ᠤᠴᠠᠷᠠᠵᠤ ᠮᠠᠭᠤ ᠨᠦᠯᠤᠭᠡ ᠠᠪᠴᠢᠷᠠᠭᠰᠠᠨ ᠪᠠᠶᠢᠨ᠎ᠠ᠃ | ᠡᠶᠢᠨ ᠭᠦ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠡᠷᠭᠡ ᠶᠢ ᠨᠤᠳᠠᠯᠠᠵᠤ᠂ ᠭᠠᠵᠠᠷ ᠰᠢᠷᠤᠢ ᠶᠢ | ᠲᠠᠭᠠᠭᠠᠴᠢᠯᠠᠨ ᠡᠵᠡᠩᠨᠡᠭᠦ ᠡᠷᠭᠡ ᠶᠢᠨ ᠦᠨᠡᠮᠯᠡᠯ ᠢ ᠲᠠᠷᠬᠠᠭᠠᠬᠤ ᠨᠢ ᠬᠦᠷᠰᠢ ᠵᠡᠷᠭᠡᠯᠡᠳᠡᠭᠡ ᠰᠠᠭᠤᠭᠰᠠᠨ ᠠᠶᠢᠯ | ᠡᠷᠤᠭᠡ ᠶᠢᠨ ᠵᠦᠷᠢᠴᠡᠯ ᠢ ᠡᠶᠡᠳᠡᠭᠦᠯᠵᠤ᠂ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠭᠡ ᠠᠰᠢᠭ ᠢ ᠨᠡᠩ | ᠪᠦᠳᠤᠮᠵᠢᠳᠠᠢ ᠬᠠᠮᠠᠭᠠᠯᠠᠵᠤ ᠴᠢᠳᠠᠭᠰᠠᠨ ᠪᠠᠶᠢᠨ᠎ᠠ᠃ ᠮᠦᠨ ᠴᠤ ᠮᠠᠯᠴᠢᠨ ᠲᠠᠷᠢᠶᠠᠴᠢᠳ ᠭᠠᠵᠠᠷ ᠰᠢᠷᠤᠢ ᠪᠠᠨ | ᠰᠢᠯᠵᠢᠭᠦᠯᠵᠤ᠂ ᠭᠡᠪᠴᠢᠶᠡᠵᠢᠭᠰᠡᠨ ᠡᠵᠡᠩᠨᠡᠯᠳᠡ ᠶᠢ ᠬᠦᠭᠵᠢᠭᠦᠯᠭᠦ ᠳᠤ ᠬᠠᠤᠯᠢ ᠴᠠᠭᠠᠵᠠ ᠶᠢᠨ ᠪᠠᠳᠤᠯᠠᠭ᠎ᠠ | ᠬᠠᠨᠭ᠍ᠭᠠᠬᠤ ᠶᠢᠨ ᠵᠡᠷᠭᠡᠪᠡᠷ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠶᠢ ᠠᠬᠢᠭᠤᠯᠬᠤ ᠳᠤ ᠪᠠᠳᠤ ᠪᠠᠬᠢ | ᠰᠠᠭᠤᠷᠢ ᠲᠠᠯᠪᠢᠵᠤ ᠦᠭᠴᠠᠢ᠃ ᠬᠠᠨᠭ᠍ᠬᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ | ᠲᠠᠷᠤᠭ᠎ᠠ ᠯᠢᠤ ᠶᠦᠡᠭ ᠰᠢ ᠰᠤᠷᠪᠤᠯᠵᠢᠯᠠᠭᠴᠢ ᠳᠤ ᠲᠠᠨᠢᠯᠴᠠᠭᠤᠯᠬᠤ ᠳᠤ ᠪᠠᠨ᠂ ᠭᠠᠵᠠᠷ ᠰᠢᠷᠤᠢ ᠶᠢ ᠲᠠᠭᠠᠭᠠᠴᠢᠯᠠᠨ | ᠡᠵᠡᠩᠨᠡᠭᠦ ᠡᠷᠭᠡ ᠶᠢᠨ ᠦᠨᠡᠮᠯᠡᠯ ᠳᠤ ᠲᠠᠭᠠᠭᠠᠴᠢᠯᠠᠭᠰᠠᠨ ᠭᠠᠵᠠᠷ ᠰᠢᠷᠤᠢ ᠶᠢᠨ ᠦᠨᠳᠤᠰᠤᠨ ᠪᠠᠶᠢᠳᠠᠯ᠂ | ᠬᠤᠪᠢᠷᠠᠯᠳᠠ ᠶᠢᠨ ᠪᠠᠶᠢᠳᠠᠯ᠂ ᠲᠠᠭᠠᠭᠠᠴᠢᠯᠠᠭᠰᠠᠨ ᠭᠠᠵᠠᠷ ᠤᠨ ᠲᠠᠶᠢᠯᠪᠤᠷᠢ ᠵᠢᠷᠤᠭ ᠵᠡᠷᠭᠡ ᠶᠢ ᠲᠤᠪ ᠲᠤᠳᠤᠷᠬᠠᠢ | ᠲᠠᠩᠰᠠᠯᠠᠵᠤ ᠪᠠᠶᠢᠳᠠᠭ᠃ ᠲᠡᠬᠦᠨ ᠤ ᠦᠢᠯᠡᠳᠦᠯ ᠨᠢ ᠴᠤ ᠮᠠᠰᠢ ᠴᠢᠬᠤᠯᠠ ᠶᠤᠮ᠃ ᠮᠠᠯᠴᠢᠨ ᠲᠠᠷᠢᠶᠠᠴᠢᠨ ᠤ | ᠲᠠᠭᠠᠭᠠᠴᠢᠯᠠᠨ ᠡᠵᠡᠩᠨᠡᠭᠰᠡᠨ ᠭᠠᠵᠠᠷ ᠰᠢᠷᠤᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠶᠢᠨ ᠵᠡᠷᠭᠡᠪᠡᠷ | ᠪᠠᠩᠬᠢ ᠠᠴᠠ ᠵᠢᠭᠡᠯᠡᠯᠭᠡ ᠠᠪᠬᠤ᠂ ᠭᠠᠵᠠᠷ ᠰᠢᠷᠤᠢ ᠶᠢ ᠬᠠᠷᠠᠮᠵᠢ ᠲᠠᠢ ᠪᠠᠷ ᠰᠢᠯᠵᠢᠭᠦᠯᠤᠨ ᠡᠵᠡᠩᠨᠡᠭᠦ ᠳᠤ ᠭᠡᠷᠡᠴᠢ | ᠪᠠᠷᠢᠮᠳᠠ ᠪᠤᠯᠳᠠᠭ᠃ ᠮᠠᠯᠴᠢᠨ ᠲᠠᠷᠢᠶᠠᠴᠢᠳ ᠲᠤ ᠠᠪᠴᠤ ᠬᠡᠯᠡᠪᠡᠯ ᠮᠠᠰᠢ ᠴᠢᠬᠤᠯᠠ ᠦᠨᠡᠮᠯᠡᠯ ᠪᠤᠯᠤᠨ᠎ᠠ ᠬᠡᠵᠠᠢ᠃ | |