ᠱᠠᠩᠬᠠᠢ ᠶᠢᠨ ᠰᠥᠮ᠎ᠡ ᠪᠠᠯᠭᠠᠰᠤᠨ ᠤ ᠬᠠᠰᠢᠶᠠᠳᠤ ᠭᠠᠴᠠᠭ᠎ᠠ ᠰᠢᠨ᠎ᠡ ᠰᠡᠳᠬᠢᠮᠵᠢ ᠪᠠᠷ ᠬᠠᠮᠳᠤ ᠶᠢᠨ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠬᠦᠯᠵᠤ ᠪᠤᠢ
ᠨᠡᠶᠢᠲᠡᠯᠡᠭᠰᠡᠨ ᠴᠠᠭ᠄
2018-06-05
   ᠱᠠᠩᠬᠠᠢ ᠶᠢᠨ ᠰᠥᠮ᠎ᠡ ᠪᠠᠯᠭᠠᠰᠤᠨ ᠤ ᠬᠠᠰᠢᠶᠠᠳᠤ ᠭᠠᠴᠠᠭ᠎ᠠ ᠠᠵᠤ ᠥᠢᠯᠡᠰ ᠤᠨ ᠪᠦᠳᠦᠴᠡ ᠪᠠᠨ ᠳᠤᠬᠢᠷᠠᠭᠤᠯᠬᠤ᠂ ᠤᠳᠤᠬᠢᠴᠢᠯᠠᠭᠰᠠᠨ ᠮᠠᠯ ᠳᠠᠷᠢᠶᠠᠯᠠᠩ ᠤᠨ ᠥᠢᠯᠡᠰ ᠢ ᠬᠦᠭᠵᠢᠬᠦᠯᠬᠦ᠂ ᠮᠠᠯᠴᠢᠨ ᠳᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠪᠠᠷ ᠭᠤᠤᠯ ᠵᠤᠷᠢᠯᠳᠠ ᠪᠠᠨ ᠪᠤᠯᠭᠠᠵᠤ᠂ ᠥᠪᠡᠷᠮᠢᠴᠡ ᠤᠨᠴᠠᠯᠢᠭ ᠲᠠᠢ ᠤᠳᠤᠬᠢᠴᠢᠯᠠᠭᠰᠠᠨ ᠮᠠᠯ ᠲᠠᠷᠢᠶᠠᠯᠠᠩ ᠤᠨ ᠥᠢᠯᠡᠰ ᠢ ᠬᠦᠭᠵᠢᠬᠦᠯᠬᠦ ᠰᠢᠨ᠎ᠡ ᠵᠠᠭᠪᠤᠷ ᠢ ᠬᠦᠴᠦᠯᠠᠨ ᠪᠠᠶᠢᠭᠤᠯᠵᠤ᠂ ᠮᠠᠯ ᠳᠠᠷᠢᠶᠠᠯᠠᠩ ᠠᠵᠤ ᠠᠬᠤᠢ ᠶᠢᠨ ᠳᠤᠭᠳᠠᠭᠤᠨ ᠬᠦᠭᠵᠢᠯᠳᠠ᠂ ᠮᠠᠯᠴᠢᠨ ᠳᠠᠷᠢᠶ᠋ᠴᠢᠨ ᠤ ᠥᠷᠬᠦᠯᠵᠢᠯᠡᠭᠰᠠᠨ ᠤᠷᠤᠯᠭ᠎ᠠ  ᠶᠢᠨ ᠨᠡᠮᠡᠭᠳᠡᠯ᠂ ᠭᠠᠴᠠᠭᠠᠨ ᠤ ᠡᠳᠥᠷ ᠢᠷᠡᠬᠦᠶ᠎ᠡ ᠬᠦᠭᠵᠢᠵᠤ ᠪᠠᠶᠢᠭ᠎ᠠ ᠰᠠᠶᠢᠨ ᠰᠠᠶᠢᠬᠠᠨ ᠪᠠᠶᠢᠳᠠᠯ ᠢ ᠪᠠᠷᠢᠮᠳᠠᠯᠠᠭᠰᠠᠭᠠᠷ ᠢᠷᠡᠵᠠᠢ᠃    ᠬᠠᠮᠳᠤ ᠶᠢᠨ ᠠᠵᠤ ᠠᠬᠤᠢ ᠶᠢ ᠬᠦᠭᠵᠢᠬᠦᠯᠵᠠᠢ᠃ ᠭᠠᠴᠠᠭᠠᠨ ᠤ ᠬᠠᠮᠳᠤ ᠶᠢᠨ ᠪᠡᠯᠴᠢᠭᠡᠷ ᠳᠡᠬᠡᠷ᠎ᠠ ᠳᠡᠵᠢᠬᠡᠨ ᠥᠷᠡᠵᠢᠬᠦᠯᠬᠦ ᠬᠠᠰᠢᠶ᠎ᠠ ᠰᠠᠷᠠᠪᠴᠢ ᠪᠠᠶᠢᠭᠤᠯᠤᠨ᠂ ᠥᠬᠡᠷ ᠬᠤᠨᠢ ᠬᠤᠳᠠᠯᠳᠤᠨ ᠠᠪᠴᠤ᠂ ᠥᠪᠡᠷᠮᠢᠴᠡ ᠤᠨᠴᠠᠯᠢᠭ  ᠲᠠᠢ ᠳᠡᠵᠢᠬᠡᠪᠤᠷᠢ ᠶᠢᠨ ᠥᠢᠯᠡᠰ ᠢ ᠢᠳᠡᠪᠬᠢᠳᠠᠢ ᠬᠦᠭᠵᠢᠬᠦᠯᠵᠤ᠂ ᠤᠷᠭᠠᠨᠢᠭ ᠪᠤᠬᠢᠷᠳᠤᠯ ᠥᠬᠡᠢ ᠥᠬᠡᠷ ᠬᠤᠨᠢᠨ ᠮᠢᠬ᠎ᠠ ᠶᠢ ᠭᠤᠤᠯᠳᠠᠯᠭ᠎ᠠ ᠲᠠᠢ ᠪᠤᠶᠢᠵᠢᠭᠤᠯᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠬᠤᠶᠠᠷ ᠲᠤ ︽ᠳᠠᠷᠢᠬᠤ ᠳᠡᠵᠢᠬᠡᠬᠦ ᠶᠢ ᠤᠶᠠᠯᠳᠤᠭᠤᠯᠵᠤ᠂ ᠳᠠᠷᠢᠮᠠᠯ ᠢᠶᠠᠷ ᠳᠡᠵᠢᠬᠡᠪᠤᠷᠢ  ᠶᠢ ᠠᠬᠢᠭᠤᠯᠬᠤ︾ ᠬᠦᠭᠵᠢᠯᠳᠠ ᠶᠢᠨ ᠰᠡᠳᠬᠢᠴᠡ ᠪᠠᠷ᠂ ᠳᠡᠵᠢᠬᠡᠯ ᠡᠪᠡᠰᠤ ᠪᠤᠷᠳᠤᠭ᠎ᠠ ᠳᠠᠷᠢᠬᠤ ᠰᠠᠭᠤᠷᠢᠨ ᠭᠠᠵᠠᠷ ᠢ ᠳᠥᠪᠯᠡᠷᠡᠬᠦᠯᠥᠨ ᠨᠡᠭᠡᠭᠡᠨ ᠬᠦᠭᠵᠢᠬᠦᠯᠵᠤ᠂ ᠮᠠᠯᠴᠢᠨ ᠳᠠᠷᠢᠶᠠᠴᠢᠨ ᠢ ᠳᠠᠶᠢᠴᠢᠯᠠᠨ ᠳᠡᠵᠢᠬᠡᠪᠦᠷᠢ ᠶᠢᠨ ᠥᠢᠯᠡᠰ ᠢ ᠡᠷᠬᠢᠯᠡᠵᠤ᠂ ᠡᠪᠥᠯᠵᠢᠬᠦ ᠮᠠᠯ ᠤᠨ ᠳᠡᠵᠢᠬᠡᠯ ᠡᠪᠡᠰᠤ ᠪᠤᠷᠳᠤᠭᠠᠨ ᠤ ᠠᠰᠠᠭᠤᠳᠠᠯ ᠢ ᠰᠢᠢᠳᠪᠦᠷᠢᠯᠡᠵᠠᠢ᠃ ᠭᠤᠷᠪᠠ ᠳᠤ ᠮᠠᠯ ᠠᠵᠤ ᠠᠬᠤᠢ ᠶᠢᠨ ᠰᠠᠭᠤᠷᠢ ᠳᠥᠬᠦᠬᠡᠷᠥᠮᠵᠢ ᠶᠢᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠭᠠᠴᠠᠭᠠᠨ ᠤ ᠮᠠᠯᠴᠢᠨ ᠤ ᠪᠠᠷᠢᠮᠵᠢᠶᠠᠵᠢᠭᠰᠠᠨ ᠬᠤᠷᠤᠭ᠎ᠠ ᠰᠠᠷᠠᠪᠴᠢ ᠪᠠᠶᠢᠭᠤᠯᠬᠤ ᠳᠤ ᠪᠡᠯᠡᠳᠬᠡᠯ ᠠᠵᠢᠯ ᠬᠢᠵᠤ᠂ ᠤᠬᠤᠷ ᠬᠤᠭᠤᠴᠠᠭᠠᠨ ᠳᠤ ᠳᠠᠷᠭᠤᠯᠠᠭᠤᠯᠤᠨ ᠪᠤᠷᠤᠯᠠᠭᠤᠯᠬᠤ ᠮᠡᠷᠬᠡᠵᠢᠯ ᠢ ᠳᠡᠯᠬᠡᠷᠡᠬᠦᠯᠵᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠨᠥᠯᠥᠬᠡᠯᠡᠬᠦ ᠬᠦᠷᠢᠶ᠎ᠠ ᠬᠡᠪᠴᠢᠶ᠎ᠠ ᠪᠠᠷ ᠶᠡᠭᠡ ᠳᠤᠰᠬᠠᠢ ᠠᠵᠢᠯ ᠤᠨ ᠬᠤᠷᠰᠢᠶ᠎ᠠ ᠪᠠ ᠳᠡᠵᠢᠬᠡᠪᠦᠷᠢ ᠶᠢᠨ ᠳᠤᠮᠤ ᠡᠷᠥᠬᠡ ᠶᠢ ᠳᠡᠳᠬᠦᠨ᠎ᠠ᠃    ᠠᠵᠤ ᠥᠢᠯᠡᠰ ᠤᠨ ᠪᠦᠳᠦᠴᠡ ᠪᠠᠨ ᠰᠢᠯᠢᠳᠡᠭᠵᠢᠬᠦᠯᠵᠠᠢ᠃ ᠨᠢᠭᠡ ᠳᠤ ︽ᠨᠠᠮ ᠤᠨ ᠡᠬᠦᠷ + ᠳᠤᠰᠬᠠᠢ ᠬᠤᠷᠰᠢᠶ᠎ᠠ + ᠮᠠᠯᠴᠢᠨ ᠳᠠᠷᠢᠶᠠᠴᠢᠨ ᠡᠷᠥᠬᠡ︾᠂ ︽ᠵᠠᠬᠢᠶᠠᠯᠭ᠎ᠠ ᠶᠢᠨ ᠳᠠᠷᠢᠶᠠᠯᠠᠩ︾ ᠤᠨ ᠡᠵᠡᠩᠨᠡᠯᠳᠠ ᠶᠢᠨ ᠵᠠᠭᠪᠤᠷ  ᠢ ᠳᠡᠯᠬᠡᠷᠡᠬᠦᠯᠵᠤ᠂ ᠮᠠᠯᠴᠢᠨ ᠳᠠᠷᠢᠶᠠᠴᠢᠨ ᠡᠷᠥᠭᠡ ᠶᠢᠨ ᠳᠡᠵᠢᠬᠡᠨ ᠥᠷᠡᠵᠢᠬᠦᠯᠬᠦ ᠳᠥᠭᠰᠢᠬᠦᠷᠢ ᠶᠢ ᠪᠠᠭᠠᠰᠬᠠᠨ᠂ ᠵᠠᠬ᠎ᠠ ᠳᠡᠯᠬᠡᠬᠦᠷ ᠤᠨ ᠥᠷᠢᠰᠥᠯᠳᠥᠬᠦ ᠬᠦᠴᠦᠨ ᠢ ᠳᠡᠭᠡᠭᠰᠢᠯᠡᠬᠦᠯᠵᠤ᠂ ᠭᠠᠴᠠᠭᠠᠨ ᠤ ᠮᠠᠯᠴᠢᠨ ᠳᠠᠷᠢᠶᠠᠴᠢᠨ ᠢ ᠳᠠᠶᠢᠴᠢᠯᠠᠨ ᠬᠤᠷᠠᠭ᠎ᠠ ᠢᠰᠢᠭᠡ ᠶᠢ ᠤᠬᠤᠷ ᠬᠤᠭᠤᠴᠠᠭᠠᠨ ᠳᠤ ᠪᠤᠷᠳᠤᠨ ᠳᠠᠷᠭᠤᠯᠠᠭᠤᠯᠬᠤ ᠮᠡᠷᠬᠡᠵᠢᠯ ᠢ ᠬᠦᠭᠵᠢᠬᠦᠯᠵᠤ᠂ ᠪᠤᠬᠢᠷᠳᠤᠯ ᠥᠬᠡᠢ ᠤᠷᠭᠠᠨᠢᠭ ᠮᠠᠯ ᠤᠨ ᠮᠢᠬ᠎ᠠ ᠬᠠᠩᠭᠠᠬᠤ ᠳᠤᠭᠳᠠᠴᠠ ᠶᠢ ᠭᠤᠤᠯᠳᠠᠯᠭ᠎ᠠ ᠲᠠᠢ ᠡᠬᠦᠳᠴᠠᠢ᠃ ᠬᠤᠶᠠᠷ  ᠲᠤ ᠤᠬᠢ ᠰᠠᠶᠢᠨ ᠪᠠᠶᠢᠭᠠᠯᠢ ᠶᠢᠨ ᠥᠩᠭᠡ ᠥᠵᠡᠮᠵᠢ ᠳᠤ ᠳᠥᠰᠢᠭᠯᠡᠨ᠂ ᠱᠠᠩᠬᠠᠢ ᠶᠢᠨ ᠰᠥᠮ᠎ᠡ ᠠᠴᠠ ᠳᠥᠪᠡᠳ ᠭᠠᠴᠠᠭ᠎ᠠ ᠬᠦᠷᠬᠦ ᠴᠠᠷᠳᠠᠮᠠᠯ ᠵᠠᠮ ᠤᠨ 32 ᠺᠢᠯᠥᠮᠧᠲᠷ ᠤᠨ ᠬᠡᠰᠡᠭ ᠲᠤ ᠵᠢᠭᠤᠯᠴᠢᠯᠠᠯ ᠤᠨ ᠭᠠᠵᠠᠷ ᠪᠠᠶᠢᠭᠤᠯᠤᠨ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠨᠡᠮᠡᠭᠳᠡᠬᠦᠯᠬᠦ ᠪᠠᠷ ᠳᠥᠯᠥᠪᠯᠡᠵᠤ ᠪᠤᠢ᠃ ᠭᠤᠷᠪᠠ ᠳᠤ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠳᠤᠬᠢᠶᠠᠯ ᠢ ᠡᠵᠡᠮᠳᠡᠨ᠂ ︽ᠮᠠᠯᠴᠢᠨ ᠠᠶᠢᠯ ᠤᠨ ᠵᠤᠭᠠᠴᠠᠯ︾ ᠤᠨ ᠭᠠᠵᠠᠷ ᠢ ᠶᠡᠬᠡᠪᠡᠷ ᠬᠦᠭᠵᠢᠬᠦᠯᠵᠤ᠂ 10 ᠠᠴᠠ 15 ᠡᠷᠥᠬᠡ ︽ᠮᠠᠯᠴᠢᠨ ᠠᠶᠢᠯ ᠤᠨ ᠵᠤᠭᠠᠴᠠᠯ︾ ᠤᠨ ᠡᠷᠥᠬᠡ ᠪᠠᠶᠢᠭᠤᠯᠬᠤ ᠪᠠᠷ ᠳᠥᠯᠥᠪᠯᠡᠵᠤ ᠪᠠᠶᠢᠨ᠎ᠠ᠃    ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠬᠡᠯᠪᠡᠷᠢ ᠪᠠᠨ ᠥᠷᠬᠡᠳᠬᠡᠵᠠᠢ᠃ ᠨᠢᠬᠡ ᠳᠤ ︽ᠢᠨᠲ᠋ᠧᠷ ᠰᠥᠯᠵᠢᠶ᠎ᠡ + ᠮᠠᠯ ᠳᠠᠷᠢᠶᠠᠯᠠᠩ ᠤᠨ ᠪᠦᠳᠦᠭᠡᠭᠳᠡᠬᠦᠨ︾ ᠢ ᠬᠦᠭᠵᠢᠬᠦᠯᠬᠦ ᠰᠢᠨ᠎ᠡ ᠵᠠᠭᠪᠤᠷ ᠢ ᠰᠥᠪᠡᠭᠴᠢᠯᠠᠨ ᠪᠠᠶᠢᠭᠤᠯᠵᠤ᠂ ᠭᠠᠴᠠᠭᠠᠨ ᠤ ᠳᠤᠰᠬᠠᠢ ᠬᠤᠷᠰᠢᠶ᠎ᠠ ᠪᠠ ᠮᠠᠯᠴᠢᠨ ᠡᠷᠥᠭᠡ ᠰᠥᠯᠵᠢᠶᠡᠨ ᠳᠡᠬᠡᠷ᠎ᠠ ᠠᠷᠠᠯᠵᠢᠶᠠᠯᠠᠬᠤ ᠳᠠᠪᠴᠠᠩ ᠪᠠᠶᠢᠭᠤᠯᠬᠤ ᠶᠢ ᠵᠤᠷᠢᠭᠵᠢᠭᠤᠯᠵᠤ᠂ ᠮᠠᠯ ᠳᠠᠷᠢᠶᠠᠯᠠᠩ ᠤᠨ ᠪᠦᠳᠦᠬᠡᠭᠳᠡᠬᠦᠨ ᠤ ᠵᠠᠬ᠎ᠠ ᠳᠡᠯᠬᠡᠬᠦᠷ ᠲᠤ ᠤᠷᠤᠬᠤ ᠵᠠᠮ ᠢ ᠨᠡᠪᠳᠡᠷᠡᠬᠦᠯᠵᠤ᠂ ᠤᠷᠭᠠᠨᠢᠭ ᠥᠬᠡᠷ ᠬᠤᠨᠢᠨ ᠮᠢᠬ᠎ᠠ᠂ ᠪᠢᠰᠢᠯᠢᠭ᠋᠂ ᠬᠠᠭᠤᠷᠤᠭᠰᠠᠨ ᠠᠮᠤ ᠵᠡᠷᠭᠡ ᠮᠠᠯ ᠳᠠᠷᠢᠶᠠᠯᠠᠩ ᠤᠨ ᠪᠦᠳᠦᠭᠡᠭᠳᠡᠬᠦᠨ ᠢ ᠰᠥᠯᠵᠢᠶᠡᠨ ᠳᠡᠬᠡᠷ᠎ᠠ ᠪᠤᠷᠤᠯᠠᠭᠤᠯᠬᠤ ᠶᠢ ᠪᠡᠶᠡᠯᠡᠬᠦᠯᠥᠨ᠎ᠡ᠃ ᠬᠤᠶᠠᠷ ᠲᠤ ᠮᠠᠯᠴᠢᠨ ᠳᠥᠮᠡᠨ ᠤ ᠡᠯ᠎ᠡ ᠳᠥᠷᠥᠯ ᠤᠨ ᠥᠨᠳᠥᠰᠥᠳᠡᠨ ᠤ ᠪᠦᠳᠦᠭᠡᠭᠳᠡᠬᠦᠨ᠂ ᠤᠯᠠᠮᠵᠢᠯᠠᠯᠳᠤ ᠥᠢᠯᠡᠳᠪᠦᠷᠢᠯᠡᠯ ᠤᠨ ᠬᠡᠷᠡᠭᠰᠡᠯ᠂ ᠭᠠᠷ ᠤᠷᠠᠯᠠᠯ ᠤᠨ ᠪᠦᠳᠦᠭᠡᠭᠳᠡᠬᠦᠨ ᠪᠠ ᠥᠨᠳᠥᠰᠥᠳᠡᠨ ᠤ ᠬᠤᠪᠴᠠᠰᠤ ᠵᠠᠰᠠᠯ ᠢ ᠬᠦᠭᠵᠢᠬᠦᠯᠬᠦ ᠶᠢ ᠵᠤᠷᠢᠭᠵᠢᠭᠤᠯᠵᠤ᠂ ᠬᠡᠪᠴᠢᠶᠡᠵᠢᠭᠰᠡᠨ ᠥᠢᠯᠡᠳᠪᠦᠷᠢᠯᠡᠯ ᠢ ᠠᠯᠬᠤᠮ ᠠᠯᠬᠤᠮ ᠢᠶᠠᠷ ᠪᠡᠶᠡᠯᠡᠬᠦᠯᠥᠨ᠎ᠡ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠬᠡᠬᠡᠪᠴᠢ ᠰᠥᠯᠵᠢᠶᠡᠨ‌ᠡᠴᠠ ᠮᠤᠩᠭᠤᠯᠴᠢᠯᠠᠪᠠ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号