ᠣᠳᠤᠭ ᠤᠨ ᠡᠮᠥᠨᠡᠳᠤ ᠬᠤᠰᠢᠭᠤᠨ ᠤ ᠪᠤᠷᠤᠪᠠᠯᠭᠠᠰᠤ ᠪᠠᠯᠭᠠᠰᠤ ᠳᠠᠪᠤᠨ ᠶᠡᠭᠡ ᠥᠪᠡᠷᠮᠢᠴᠡ ᠤᠨᠴᠠᠯᠢᠭ  ᠲᠠᠢ ᠰᠠᠭᠤᠷᠢᠨ ᠢ ᠪᠠᠶᠢᠭᠤᠯᠵᠤ ᠬᠦᠳᠡᠭᠡ ᠨᠤᠳᠤᠭ ᠤᠨ ᠬᠦᠴᠦᠷᠬᠡᠭᠵᠢᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2018-06-05
   ᠡᠨᠡ ᠵᠢᠯ ᠠᠴᠠ ᠨᠠᠭᠠᠰᠢ᠂ ᠤᠳᠤᠭ ᠤᠨ ᠡᠮᠥᠨᠡᠳᠤ ᠬᠤᠰᠢᠭᠤᠨ ᠤ ᠪᠤᠷᠤᠪᠠᠯᠭᠠᠰᠤ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠠᠴᠠ ᠳᠤᠷᠠᠳᠤᠭᠰᠠᠨ ︽ᠠᠵᠤ ᠥᠢᠯᠡᠰ ᠬᠦᠭᠵᠢᠩᠬᠦᠢ᠂ ᠰᠠᠭᠤᠷᠢᠰᠢᠬᠤ ᠳᠤ ᠳᠤᠬᠢᠷᠠᠮᠵᠢᠳᠠᠢ᠂ ᠨᠤᠳᠤᠭ  ᠤᠨ ᠪᠤᠯᠪᠠᠰᠤᠨ ᠰᠤᠷᠳᠠᠯ ᠲᠠᠢ᠂ ᠵᠠᠰᠠᠯᠳᠠ ᠪᠦᠳᠦᠮᠵᠢᠳᠠᠢ᠂ ᠠᠮᠢᠳᠤᠷᠠᠯ ᠪᠠᠶᠠᠨ ᠴᠢᠨᠡᠭᠡᠯᠢᠭ︾ ᠱᠠᠭᠠᠷᠳᠠᠯᠭ᠎ᠠ ᠶᠤᠰᠤᠭᠠᠷ᠂ ︽5432︾ ᠤᠳᠤᠬᠢᠴᠢᠯᠠᠭᠰᠠᠨ ᠮᠠᠯ ᠳᠠᠷᠢᠶᠠᠯᠠᠩ ᠤᠨ ᠥᠢᠯᠡᠰ ᠤᠨ ᠬᠦᠭᠵᠢᠯᠳᠠ ᠶᠢᠨ ᠰᠡᠳᠬᠢᠮᠵᠢ  ᠶᠢᠨ ᠳᠤᠭᠤᠷᠢᠨ ᠳᠤ᠂ ᠮᠠᠯ ᠳᠠᠷᠢᠶᠠᠯᠠᠩ ᠤᠨ ᠠᠵᠤ ᠥᠢᠯᠡᠰ ᠤᠨ ᠪᠦᠳᠦᠴᠡ ᠪᠠᠨ ᠰᠢᠯᠢᠳᠡᠭᠵᠢᠬᠦᠯᠦᠨ ᠳᠤᠬᠢᠷᠠᠭᠤᠯᠵᠤ᠂ ᠳᠠᠪᠤᠨ ᠶᠡᠭᠡ ᠥᠪᠡᠷᠮᠢᠴᠡ ᠤᠨᠴᠠᠯᠢᠭ ᠲᠠᠢ ᠰᠠᠭᠤᠷᠢᠨ ᠭᠠᠵᠠᠷ ᠢ ᠬᠦᠭᠵᠢᠬᠦᠯᠵᠤ᠂ ᠮᠠᠯ ᠳᠠᠷᠢᠶᠠᠯᠠᠩ ᠤᠨ ᠥᠢᠯᠡᠰ ᠢ ᠵᠠᠬ᠎ᠠ ᠳᠡᠯᠬᠡᠬᠦᠷ ᠤᠨ ᠤᠳᠤᠷᠢᠳᠤᠮᠵᠢ ᠪᠠᠷ ᠵᠢᠯᠤᠭᠤᠳᠬᠤ᠂ ᠳᠤᠯᠤᠭᠠᠶᠢᠯᠠᠭᠴᠢ ᠠᠵᠤ ᠠᠬᠤᠶᠢᠯᠠᠯ ᠢᠶᠠᠷ ᠳᠠᠶᠢᠴᠢᠯᠠᠬᠤ᠂ ᠬᠠᠮᠳᠤᠷᠠᠯ ᠵᠤᠬᠢᠶᠠᠨ ᠪᠠᠶᠢᠭᠤᠯᠤᠯᠳᠠ ᠪᠠᠷ ᠪᠠᠳᠤᠯᠠᠭ᠎ᠠ ᠪᠤᠯᠭᠠᠬᠤ᠂ ᠨᠠᠷᠢᠯᠢᠭ ᠡᠳ᠋ᠰᠢᠬᠦᠯᠬᠦ ᠠᠵᠤ ᠠᠬᠤᠶᠢᠯᠠᠯ ᠢᠶᠠᠷ ᠳᠤᠯᠭᠠᠭᠤᠷᠢᠯᠠᠯ ᠪᠤᠯᠭᠠᠬᠤ ᠴᠢᠭᠯᠡᠯ ᠢᠶᠠᠷ ᠬᠦᠭᠵᠢᠬᠦᠯᠵᠤ᠂ ᠬᠦᠳᠡᠭᠡ ᠨᠤᠳᠤᠭ  ᠤᠨ ᠪᠦᠬᠦ ᠳᠠᠯ᠎ᠠ ᠶᠢᠨ ᠬᠦᠴᠦᠷᠬᠡᠭᠵᠢᠯ ᠢ ᠠᠬᠢᠭᠤᠯᠵᠤ ᠪᠤᠢ᠃     ᠨᠢᠬᠡ ᠳᠤ᠂ 10 ᠳᠥᠮᠡᠨ ᠮᠤ᠋ ᠥᠪᠡᠷᠮᠢᠴᠡ ᠤᠨᠴᠠᠯᠢᠭ ᠲᠠᠢ ᠠᠵᠤ ᠠᠬᠤᠢ ᠶᠢᠨ ᠳᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠭᠤᠤᠯᠳᠠᠭᠤ ᠪᠠᠭ᠎ᠠ ᠬᠡᠵᠤᠤᠷ ᠳᠤᠰᠬᠤᠨ ᠤ ᠶᠢᠨ ᠷᠦᠨ ᠶᠤᠸᠠᠨ ᠤᠳᠤ ᠥᠶ᠎ᠡ ᠶᠢᠨ ᠥᠨᠳᠥᠷ ᠠᠰᠢᠭᠯᠠᠮᠵᠢᠳᠤ ᠳᠠᠷᠢᠶᠠᠯᠠᠩ ᠤᠨ ᠤᠷᠤᠨ ᠳᠤᠭᠤᠷᠢᠭ ᠢᠶᠠᠷ ᠳᠥᠪ ᠪᠤᠯᠭᠠᠵᠤ᠂ ᠤᠶᠢᠷ᠎ᠠ ᠬᠠᠪᠢ ᠶᠢᠨ ᠭᠠᠴᠠᠭᠠᠨ ᠤ ᠰᠤᠶᠤᠭ᠎ᠠ ᠪᠤᠶᠢᠵᠢᠭᠤᠯᠬᠤ᠂ ᠢᠳᠡᠰᠢᠨ ᠨᠤᠭᠤᠭ᠎ᠠ᠂ ᠭᠤᠸᠠ ᠵᠢᠮᠢᠰ ᠳᠠᠷᠢᠬᠤ ᠵᠡᠷᠭᠡ ᠠᠵᠤ ᠠᠬᠤᠢ ᠶᠢᠨ ᠳᠠᠷᠢᠮᠠᠯ ᠤᠨ ᠬᠦᠭᠵᠢᠯᠳᠠ ᠶᠢ ᠳᠠᠶᠢᠴᠢᠯᠠᠵᠤ᠂ 10 ᠳᠥᠮᠡᠨ ᠮᠤ᠋ ᠥᠪᠡᠷᠮᠢᠴᠡ ᠤᠨᠴᠠᠯᠢᠭ ᠲᠠᠢ ᠠᠵᠤ ᠠᠬᠤᠢ ᠶᠢᠨ ᠳᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠳᠤᠬᠠᠨ ᠳᠤ ᠯᠠᠵᠤᠤ᠂ ᠳᠠᠷᠪᠤᠰ᠂ ᠳᠥᠮᠥᠰᠤ᠂ ᠯᠠᠩᠭᠤᠸᠠ  ᠪᠠᠷ ᠭᠤᠤᠯ ᠪᠤᠯᠭᠠᠭᠰᠠᠨ ᠥᠪᠡᠷᠮᠢᠴᠡ ᠤᠨᠴᠠᠯᠢᠭᠳᠤ ᠠᠵᠤ ᠠᠬᠤᠢ ᠶᠢᠨ ᠳᠠᠷᠢᠮᠠᠯ ᠤᠨ ᠬᠡᠪᠴᠢᠶ᠎ᠡ ᠨᠢᠬᠡᠨᠳᠠ 8.5ᠳᠥᠮᠡᠨ ᠮᠤ᠋ ᠶᠢ ᠳᠠᠪᠠᠵᠠᠢ᠃    ᠬᠤᠶᠠᠷ ᠲᠤ᠂ 10 ᠳᠥᠮᠡᠨ ᠮᠤ᠋ ᠳᠥᠮᠥᠰᠤ ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠵᠡᠭᠡᠷᠬᠡᠨ᠎ᠡ ᠶᠢᠨ ᠬᠦᠳᠡᠭᠡ ᠶᠢᠨ ᠤᠳᠤ ᠦᠶ᠎ᠡ ᠶᠢᠨ ᠥᠨᠳᠥᠷ ᠪᠦᠳᠦᠮᠵᠢ ᠪᠠᠷ ᠬᠡᠪᠴᠢᠶᠡᠵᠢᠬᠦᠯᠥᠨ ᠡᠵᠡᠩᠨᠡᠭᠰᠠᠨ ᠠᠵᠤ ᠠᠬᠤᠢ ᠶᠢᠨ ᠳᠠᠷᠢᠮᠠᠯ ᠤᠨ ᠤᠷᠤᠨ ᠢᠶᠠᠷ ᠳᠥᠪ ᠪᠤᠯᠭᠠᠨ ᠳᠠᠶᠢᠴᠢᠯᠠᠵᠤ᠂ 10 ᠳᠥᠮᠡᠨ ᠮᠤ᠋ ᠳᠥᠮᠥᠰᠤ ᠳᠠᠷᠢᠬᠤ ᠰᠠᠭᠤᠷᠢᠨ ᠭᠠᠵᠠᠷ  ᠢ ᠪᠠᠶᠢᠭᠤᠯᠤᠨ᠎ᠠ᠃ ᠤᠳᠤᠬᠠᠨ ᠵᠡᠬᠡᠷᠬᠡᠨ᠎ᠡ ᠶᠢᠨ ᠬᠦᠳᠡᠭᠡ ᠵᠢᠴᠢ ᠤᠶᠢᠷ᠎ᠠ ᠬᠠᠪᠢ ᠶᠢᠨ ᠳᠤᠰᠬᠤᠨ ᠤ ᠳᠥᠮᠥᠰᠤ ᠳᠠᠷᠢᠭᠰᠠᠨ ᠳᠠᠯᠠᠪᠡᠢ ᠨᠢᠬᠡᠨᠳᠠ 4 ᠳᠥᠮᠡ ᠭᠠᠷᠤᠢ ᠮᠤ᠋ ᠳᠤ ᠬᠦᠷᠴᠤ᠂ 2018 ᠤᠨ ᠳᠤ ᠰᠢᠨ᠎ᠡ ᠪᠠᠷ 2 ᠳᠥᠮᠡᠨ ᠮᠤ᠋ ᠳᠥᠮᠥᠰᠤ ᠨᠡᠮᠡᠵᠤ ᠳᠠᠷᠢᠬᠤ ᠪᠠᠷ ᠳᠥᠯᠥᠪᠯᠡᠵᠤ ᠪᠤᠢ᠃    ᠭᠤᠷᠪᠠ ᠳᠤ᠂ 20 ᠳᠥᠮᠡᠨ ᠮᠤ᠋ ᠴᠢᠨᠠᠷ ᠰᠠᠶᠢᠳᠠᠢ ᠳᠡᠵᠢᠬᠡᠯ ᠡᠪᠡᠰᠤ ᠪᠤᠷᠳᠤᠭᠠᠨ ᠤ ᠳᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠤᠷᠤ ᠴᠠᠷᠭᠠᠰᠤ ᠪᠠ ᠨᠤᠭᠤᠭᠠᠨ ᠢᠶᠠᠷ ᠳᠠᠷᠤᠰᠢᠭᠤᠯᠤᠭᠰᠠᠨ ᠡᠷᠳᠡᠨᠢ ᠰᠢᠰᠢ ᠪᠠᠷ ᠭᠤᠤᠯ ᠪᠤᠯᠭᠠᠭᠰᠠᠨ ᠳᠡᠵᠢᠬᠡᠯ ᠡᠪᠡᠰᠤ ᠪᠤᠷᠳᠤᠭᠠᠨ ᠤ ᠳᠠᠷᠢᠮᠠᠯ ᠢ ᠪᠦᠬᠦ ᠳᠠᠯ᠎ᠠ ᠪᠠᠷ ᠳᠥᠬᠡᠮᠡᠯᠵᠢᠬᠦᠯᠵᠤ᠂ 20 ᠳᠥᠮᠡᠨ ᠮᠤ᠋ ᠰᠢᠯᠢᠳᠡᠭ ᠡᠪᠡᠰᠤ ᠪᠤᠷᠳᠤᠭᠠᠨ ᠤ ᠳᠠᠷᠢᠮᠠᠯ ᠤᠨ ᠰᠠᠭᠤᠷᠢᠨ ᠢ ᠪᠠᠶᠢᠭᠤᠯᠤᠨ᠎ᠠ᠃ ᠡᠨᠡ ᠵᠢᠯ ᠤᠪᠤᠭᠠᠨ ᠬᠠᠳᠠᠭᠤ ᠶᠢᠨ ᠵᠢᠯ ᠤᠨ ᠭᠠᠷᠤᠯᠳᠠ 3000 ᠳᠤᠨ ᠬᠦᠷᠬᠦ ᠳᠡᠵᠢᠬᠡᠯ ᠡᠪᠡᠰᠤ ᠪᠤᠷᠳᠤᠭ᠎ᠠ ᠪᠤᠯᠪᠠᠰᠤᠷᠠᠭᠤᠯᠬᠤ ᠥᠢᠯᠡᠳᠪᠦᠷᠢ ᠶᠢ ᠪᠠᠶᠢᠭᠤᠯᠵᠤ᠂ ᠪᠠᠰᠠ 2000 ᠮᠤ᠋ ᠪᠤᠷᠤ ᠴᠠᠷᠭᠠᠰᠤ ᠪᠠ 10 ᠳᠥᠮᠡᠨ ᠮᠤ᠋ ᠨᠤᠭᠤᠭᠠᠨ ᠢᠶᠠᠷ ᠳᠠᠷᠤᠰᠢᠭᠤᠯᠬᠤ ᠡᠷᠳᠡᠨᠢ ᠰᠢᠰᠢ ᠳᠠᠷᠢᠬᠤ ᠪᠠᠷ ᠳᠥᠯᠥᠪᠯᠡᠵᠤ ᠪᠤᠢ᠃    ᠳᠥᠷᠪᠠ ᠳᠤ᠂ 50 ᠳᠥᠮᠡᠨ ᠬᠤᠷᠠᠭ᠎ᠠ ᠪᠤᠷᠳᠤᠵᠤ ᠪᠤᠷᠤᠯᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠭᠤᠤᠯᠳᠠᠭᠤ ᠤᠪᠤᠭᠠᠨ ᠬᠠᠳᠠᠭᠤ ᠶᠢᠨ ᠳᠥᠯ ᠪᠤᠷᠳᠤᠬᠤ ᠰᠠᠭᠤᠷᠢᠨ ᠭᠠᠵᠠᠷ ᠢᠶᠠᠷ ᠳᠥᠪ ᠪᠤᠯᠭᠠᠨ᠂ ᠰᠠᠶᠢᠨ ᠡᠬᠦᠯᠳᠡᠷ ᠪᠤᠶᠢᠵᠢᠭᠤᠯᠬᠤ᠂ ᠡᠬᠦᠯᠳᠡᠷ ᠰᠠᠶᠢᠵᠢᠷᠠᠭᠤᠯᠬᠤ ᠪᠠ ᠤᠬᠤᠷ ᠬᠤᠭᠤᠴᠠᠭᠠᠨ ᠳᠤ ᠳᠠᠷᠭᠤᠯᠠᠭᠤᠯᠤᠨ ᠪᠤᠷᠤᠯᠠᠭᠤᠯᠬᠤ ᠵᠡᠷᠭᠡ ᠳᠡᠷᠢᠬᠦᠨ ᠤ ᠮᠡᠷᠬᠡᠵᠢᠯ ᠢᠶᠠᠷ ᠭᠤᠤᠯ ᠪᠤᠯᠭᠠᠭᠰᠠᠨ ᠳᠡᠵᠢᠬᠡᠬᠦ ᠵᠠᠭᠪᠤᠷ ᠢ ᠳᠡᠯᠬᠡᠷᠡᠬᠦᠯᠵᠤ᠂ ᠪᠠᠷᠢᠮᠵᠢᠶᠠᠵᠢᠭᠰᠠᠨ ᠬᠠᠰᠢᠶᠠᠯᠠᠨ ᠳᠡᠵᠢᠬᠡᠬᠦ ᠵᠢᠱᠢᠶᠡᠴᠢ ᠡᠷᠥᠭᠡ ᠶᠢ 50 ᠪᠤᠶᠢᠵᠢᠭᠤᠯᠵᠤ᠂ ᠤᠶᠢᠷ᠎ᠠ ᠬᠠᠪᠢ ᠶᠢᠨ ᠭᠠᠴᠠᠭ᠎ᠠ ᠳᠤᠰᠬᠤᠨ ᠢ ᠳᠠᠶᠢᠴᠢᠯᠠᠨ ᠵᠢᠯ ᠤᠨ ᠪᠤᠷᠤᠯᠠᠭᠤᠯᠭ᠎ᠠ ᠶᠢᠨ ᠮᠠᠯ ᠤᠨ ᠳᠤᠭ᠎ᠠ ᠳᠤᠯᠤᠭᠠᠢ ᠶᠢ 25 ᠳᠥᠮᠡ ᠳᠤ ᠬᠦᠷᠬᠡᠵᠤ᠂ 50 ᠳᠥᠮᠡᠨ ᠬᠤᠷᠠᠭ᠎ᠠ ᠪᠤᠷᠳᠤᠵᠤ ᠪᠤᠷᠤᠯᠠᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠡᠳᠥᠭᠡ ᠶᠠᠭ ᠵᠥᠪᠰᠢᠶᠡᠷᠡᠯ ᠤᠨ ᠭᠠᠷᠳᠠᠮ ᠬᠦᠢᠴᠡᠳᠬᠡᠵᠤ ᠪᠤᠢ᠃     ᠳᠠᠪᠤ ᠳᠤ᠂ 5 ᠳᠥᠮᠡᠨ ᠠᠯᠠᠰᠢᠨ ᠥᠬᠡᠷ ᠳᠡᠵᠢᠬᠡᠨ ᠥᠷᠡᠵᠢᠬᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠭᠤᠤᠯᠳᠠᠭᠤ ᠢᠦᠢ ᠯᠢᠶᠠᠩ ᠰᠢᠦᠢ ᠶᠧ ᠠᠯᠠᠰᠢᠨ ᠥᠬᠡᠷ ᠤᠨ ᠰᠠᠭᠤᠷᠢᠨ ᠢᠶᠠᠷ ᠳᠥᠪ ᠪᠤᠯᠭᠠᠨ᠂ ᠳᠡᠵᠢᠭᠡᠨ ᠥᠷᠡᠵᠢᠬᠦᠯᠬᠦ ᠰᠠᠭᠤᠷᠢ ᠳᠦᠬᠦᠬᠡᠷᠥᠮᠵᠢ ᠶᠢᠨ ᠥᠢᠯᠡᠳᠥᠯ ᠰᠠᠶᠢᠳᠠᠢ ᠳᠦᠬᠦᠷ ᠪᠥᠳᠦᠭᠡᠨ ᠪᠠᠶᠢᠭᠤᠯᠤᠯᠳᠠ ᠶᠢ ᠳᠡᠬᠦᠯᠳᠡᠷᠵᠢᠬᠦᠯᠵᠤ᠂ ᠠᠵᠤ ᠥᠢᠯᠡᠰ ᠤᠨ ᠪᠦᠳᠦᠴᠡ ᠶᠢᠨ ᠳᠤᠬᠢᠷᠠᠭᠤᠯᠤᠯᠳᠠ ᠶᠢ ᠠᠬᠢᠭᠤᠯᠤᠨ᠂ ᠮᠠᠯᠵᠢᠬᠤ ᠳᠠᠷᠢᠶᠠᠯᠠᠬᠤ ᠤᠷᠤᠨ ᠤ ᠳᠡᠵᠢᠬᠡᠨ ᠥᠷᠡᠵᠢᠬᠦᠯᠬᠦ ᠬᠢᠷᠢ ᠳᠥᠪᠰᠢᠨ ᠢ ᠳᠡᠭᠡᠭᠰᠢᠯᠡᠬᠦᠯᠵᠤ᠂ ᠤᠶᠢᠷ᠎ᠠ ᠬᠠᠪᠢ ᠶᠢᠨ ᠭᠠᠴᠠᠭ᠎ᠠ ᠳᠤᠰᠬᠤᠨ ᠤ ᠥᠬᠡᠷ ᠳᠡᠵᠢᠬᠡᠬᠦ ᠥᠢᠯᠡᠰ ᠤᠨ ᠬᠦᠭᠵᠢᠯᠳᠠ ᠶᠢ ᠳᠠᠶᠢᠴᠢᠯᠠᠵᠤ᠂ 5 ᠳᠥᠮᠡᠨ ᠠᠯᠠᠰᠢᠨ ᠥᠬᠡᠷ ᠳᠡᠵᠢᠬᠡᠬᠦ ᠰᠠᠭᠤᠷᠢᠨ ᠢ ᠪᠠᠶᠢᠭᠤᠯᠤᠨ᠎ᠠ᠃ ᠤᠳᠤ ᠨᠢᠬᠡᠨᠳᠠ 1200 ᠳᠤᠯᠤᠭᠠᠢ ᠠᠩᠭᠧᠰ ᠥᠨᠢᠶ᠎ᠡ ᠤᠷᠤᠭᠤᠯᠤᠨ᠂ 700 ᠭᠠᠷᠤᠢ ᠳᠤᠭᠤᠯ ᠳᠤᠰᠤᠭᠠᠳ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠬᠡᠬᠡᠪᠴᠢ ᠰᠥᠯᠵᠢᠶᠡᠨ‌ᠡᠴᠠ ᠮᠤᠩᠭᠤᠯᠴᠢᠯᠠᠪᠠ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号