ᠪᠤᠷᠤᠪᠠᠯᠭᠠᠰᠤ ᠪᠠᠯᠭᠠᠰᠤ ᠬᠤᠪᠢᠰᠬᠠᠯ ᠤᠨ ᠤᠨᠴᠠᠯᠢᠭᠳᠤ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢ ᠳᠥᠷᠭᠡᠳᠭᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2018-06-05
   ᠤᠷᠴᠢᠮ ᠤᠨ ᠵᠢᠯ᠂ ᠪᠤᠷᠤᠪᠠᠯᠭᠠᠰᠤ ᠪᠠᠯᠭᠠᠰᠤ ︽ᠳᠠᠪᠰᠢᠩᠭᠤᠢ ᠳᠥᠯᠥᠪᠵᠢᠬᠦᠯᠬᠡ ᠪᠠᠷ ᠳᠥᠪᠯᠡᠷᠡᠩᠬᠦᠢ ᠳᠦᠬᠦᠷᠴᠢᠯᠡᠬᠦ︾ ᠵᠠᠷᠴᠢᠮ ᠢ ᠪᠠᠷᠢᠮᠳᠠᠯᠠᠵᠤ᠂ ᠬᠤᠪᠢᠰᠬᠠᠯᠳᠤ ᠰᠤᠶᠤᠯ᠂ ᠮᠤᠩᠭᠤᠯ ᠰᠤᠶᠤᠯ᠂ ᠡᠷᠳᠡᠨ ᠤ ᠬᠡᠪ ᠨᠠᠮᠪᠠ  ᠶᠢ ᠠᠭᠤᠰᠤᠯᠴᠠᠭᠤᠯᠤᠨ ᠬᠦᠭᠵᠢᠬᠦᠯᠬᠦ ᠶᠢ ᠳᠤᠪᠤᠶᠢᠯᠭᠠᠵᠤ᠂ ᠬᠤᠳᠠ ᠪᠠᠯᠭᠠᠰᠤᠨ ᠤ ᠶᠡᠷᠥᠩᠬᠡᠢ ᠴᠢᠨᠠᠷᠳᠠᠢ ᠳᠥᠯᠥᠪᠵᠢᠬᠦᠯᠭᠡ ᠪᠠ ᠪᠦᠳᠦᠭᠡᠨ ᠪᠠᠶᠢᠭᠤᠯᠤᠯᠳᠠ ᠶᠢᠨ ᠳᠥᠯᠥᠪᠵᠢᠬᠦᠯᠬᠡ ᠶᠢ ᠳᠤᠭᠳᠠᠭᠠᠵᠤ᠂ ᠰᠠᠭᠤᠷᠢ ᠳᠦᠬᠦᠬᠡᠷᠥᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠪᠠᠶᠢᠷᠢᠰᠢᠭᠤᠯᠤᠯᠳᠠ ᠪᠠᠨ ᠬᠦᠴᠦᠯᠡᠨ ᠰᠢᠯᠢᠳᠡᠭᠵᠢᠬᠦᠯᠵᠤ᠂ ᠴᠢᠳᠠᠮᠵᠢ ᠪᠠᠨ ᠳᠡᠬᠦᠯᠳᠡᠷᠵᠢᠬᠦᠯᠥᠨ᠂ ᠡᠶ᠎ᠡ ᠵᠤᠬᠢᠴᠠᠯ ᠢ ᠴᠢᠬᠤᠯᠠᠴᠢᠯᠠᠨ᠂ ᠰᠤᠶᠤᠯ ᠢᠶᠠᠨ ᠵᠠᠯᠭᠠᠮᠵᠢᠯᠠᠵᠤ᠂ ᠨᠠᠷ᠎ᠠ ᠠᠯᠳᠠᠷᠰᠢᠯ ᠢᠶᠠᠨ ᠳᠡᠭᠡᠭᠰᠢᠯᠡᠬᠦᠯᠵᠤ᠂ ᠬᠦᠳᠦᠯᠥᠨ ᠵᠢᠯᠤᠭᠤᠳᠬᠤ ᠴᠢᠳᠠᠪᠤᠷᠢ ᠪᠠᠨ ᠴᠢᠩᠭᠠᠳᠬᠠᠨ᠂ ᠬᠤᠳᠠ ᠪᠠᠯᠭᠠᠰᠤᠨ ᠤ ᠳᠡᠰ ᠴᠢᠨᠠᠷ᠂ ᠴᠢᠳᠠᠪᠬᠢ᠂ ᠳᠥᠷᠢ ᠳᠥᠷᠬᠦ ᠪᠠᠨ ᠳᠡᠭᠡᠭᠰᠢᠯᠡᠬᠦᠯᠥᠭᠰᠠᠨ ᠪᠠᠶᠢᠨ᠎ᠠ᠃ 2017 ᠤᠨ ᠳᠤ ᠳᠤᠮᠳᠠᠳᠤ ᠤᠯᠤᠰ ᠤᠨ ᠬᠤᠶᠠᠳᠤᠭᠠᠷ ᠡᠬᠡᠯᠵᠢ ᠶᠢᠨ ᠥᠪᠡᠷᠮᠢᠴᠡ ᠤᠨᠴᠠᠯᠢᠭᠳᠤ ᠪᠠᠯᠭᠠᠰᠤ ᠶᠢᠨ ᠡᠩᠨᠡᠭᠡᠨ ᠳᠤ ᠠᠮᠵᠢᠯᠳᠠ ᠲᠠᠢ ᠤᠷᠤᠪᠠ᠃    ᠤᠳᠤᠬᠠᠨ ᠳᠤ ᠪᠤᠷᠤᠪᠠᠯᠭᠠᠰᠤ ᠪᠠᠯᠭᠠᠰᠤ ︽ᠬᠡᠪ ᠴᠢᠨᠰᠠᠭᠠᠳᠤ ᠬᠤᠳᠠ ᠪᠠᠯᠭᠠᠰᠤ︾ ᠶᠢᠨ ᠪᠦᠳᠦᠭᠡᠨ ᠪᠠᠶᠢᠭᠤᠯᠤᠯᠳᠠ ᠶᠢ ᠪᠠᠷᠢᠮᠳᠠᠯᠠᠵᠤ᠂ ᠥᠪᠡᠷᠮᠢᠴᠡ ᠤᠨᠴᠠᠯᠢᠭᠳᠤ ᠪᠠᠯᠭᠠᠰᠤᠨ ᠤ ᠳᠦᠬᠦᠷᠴᠢᠯᠡᠭᠰᠠᠨ ᠪᠦᠳᠦᠭᠡᠨ ᠪᠠᠶᠢᠭᠤᠯᠤᠯᠳᠠ ᠶᠢ ᠳᠥᠷᠭᠡᠳᠬᠡᠨ ᠠᠬᠢᠭᠤᠯᠵᠤ ᠪᠤᠢ᠃    ᠨᠢᠭᠡ ᠳᠤ ᠪᠠᠯᠭᠠᠰᠤᠨ ᠳᠤᠭᠤᠷᠢᠭ ᠤᠨ ᠥᠵᠡᠮᠵᠢ ᠴᠡᠴᠡᠷᠯᠢᠭᠵᠢᠬᠦᠯᠥᠯᠳᠠ ᠶᠢ ᠠᠬᠢᠭᠤᠯᠵᠤ᠂ ᠡᠳᠥᠬᠡ ᠥᠯᠡᠳᠡᠵᠤ ᠪᠠᠶᠢᠭ᠎ᠠ 20% ᠶᠢᠨ ᠱᠤᠭᠤᠮᠠᠯ᠂ ᠴᠡᠴᠡᠭ ᠤᠨ ᠮᠠᠨᠳᠠᠯ ᠵᠡᠷᠭᠡ ᠭᠤᠶᠤᠵᠢᠭᠤᠯᠤᠯᠳᠠ ᠬᠡᠷᠡᠯᠳᠥᠬᠦᠯᠥᠯᠭᠡ ᠳᠦᠬᠦᠷᠵᠢᠭᠰᠡᠨ ᠳᠦᠬᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠥᠨ᠎ᠡ᠃    ᠬᠤᠶᠠᠷ ᠲᠤ ᠵᠠᠮ ᠬᠤᠭᠤᠯᠠᠢ ᠶᠢᠨ ᠳᠤᠤᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠥᠯᠡᠳᠡᠵᠤ ᠪᠠᠶᠢᠭ᠎ᠠ  30% ᠶᠢᠨ ᠤᠰᠤ᠂ ᠴᠠᠬᠢᠯᠭᠠᠨ᠂ ᠪᠠᠶᠢᠭᠠᠯᠢ ᠶᠢᠨ ᠰᠢᠳᠠᠮᠠᠬᠠᠢ ᠬᠡᠢ᠂ ᠬᠠᠶᠠᠭᠳᠠᠮᠠᠯ ᠭᠠᠳᠠᠭᠰᠢᠯᠠᠭᠤᠯᠬᠤ᠂ ᠪᠤᠷᠤᠭᠠᠨ ᠤ ᠤᠰᠤ ᠶᠢ ᠭᠠᠳᠠᠭᠰᠢᠯᠠᠭᠤᠯᠬᠤ ᠵᠡᠷᠭᠡ ᠪᠠᠷᠢᠯᠭ᠎ᠠ ᠪᠠ ᠬᠤᠭ ᠨᠤᠪᠰᠢ ᠪᠤᠯᠠᠬᠤ ᠳᠠᠯᠠᠪᠠᠢ ᠬᠢᠬᠡᠳ ᠪᠤᠵᠠᠷ ᠤᠰᠤ ᠶᠢ ᠰᠢᠢᠳᠪᠦᠷᠢᠯᠡᠬᠦ ᠥᠢᠯᠡᠳᠪᠦᠷᠢ ᠶᠢᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠥᠨ᠎ᠡ᠃     ᠭᠤᠷᠪᠠ ᠳᠤ ᠵᠡᠬᠡᠯᠢ ᠳᠠᠭᠠᠤ ᠬᠡᠷ ᠪᠠᠶᠢᠰᠢᠩ ᠤᠨ ᠨᠢᠭᠤᠷ ᠳᠠᠯ᠎ᠠ ᠶᠢ ᠰᠢᠨᠡᠳᠬᠡᠬᠦ ᠪᠠᠷᠢᠯᠭ᠎ᠠ ᠶᠢ ᠳᠥᠷᠭᠡᠳᠭᠡᠨ ᠠᠬᠢᠭᠤᠯᠵᠤ᠂ ᠬᠤᠶᠠᠳᠤᠭᠠᠷ ᠬᠤᠭᠤᠴᠠᠭᠠᠨ ᠤ 114 ᠡᠷᠥᠭᠡ᠂ 66938 ᠬᠠᠪᠳᠠᠭᠠᠢ ᠳᠥᠷᠪᠡᠯᠵᠢᠨ ᠮᠧᠲᠷ ᠥᠬᠡᠷᠡᠴᠢᠯᠡᠯᠳᠠ ᠶᠢ ᠪᠡᠶᠡᠯᠡᠬᠦᠯᠵᠤ᠂ ᠶᠢᠨ ᠶᠤᠸᠠᠨ ᠵᠡᠬᠡᠯᠢ ᠪᠠ ᠹᠦ᠋ ᠴᠤᠸᠠᠨ ᠵᠠᠮ ᠤᠨ ᠴᠡᠴᠡᠷᠯᠢᠭᠵᠢᠬᠦᠯᠥᠯᠳᠠ ᠬᠡᠷᠡᠯᠳᠥᠬᠦᠯᠥᠯᠭᠡ ᠶᠢ ᠠᠬᠢᠭᠤᠯᠤᠨ᠎ᠠ᠃    ᠳᠥᠷᠪᠠ ᠳᠤ ᠨᠠᠮ ᠤᠨ ᠰᠤᠷᠭᠠᠭᠠᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠳᠥᠷᠬᠡᠳᠬᠡᠨ ᠠᠬᠢᠭᠤᠯᠵᠤ᠂ ᠪᠠᠶᠢᠷᠢ ᠶᠢᠨ ᠠᠰᠠᠷ᠂ ᠢᠳᠡᠭᠡᠨ ᠤᠮᠳᠠᠭᠠᠨ ᠤ ᠠᠰᠠᠷ᠂ ᠠᠯᠪᠠᠨ ᠠᠰᠠᠷ᠂ ᠠᠷᠠᠳ ᠲᠤ ᠳᠦᠬᠦᠮ ᠥᠵᠡᠬᠦᠯᠬᠦ ᠥᠢᠯᠡᠴᠢᠯᠡᠭᠡᠨ ᠤ ᠳᠥᠪ ᠢ ᠵᠠᠰᠠᠨ ᠴᠢᠮᠡᠭᠯᠡᠬᠦ ᠭᠤᠤᠯ ᠴᠤᠭᠴᠠ ᠶᠢᠨ ᠪᠠᠷᠢᠯᠭ᠎ᠠ ᠶᠢᠨ ᠠᠵᠢᠯ ᠢ ᠳᠡᠬᠦᠯᠳᠡᠷᠵᠢᠬᠦᠯᠬᠦ ᠶᠢᠨ ᠳᠠᠭᠠᠤ ᠠᠰᠢᠭᠯᠠᠯᠳᠠ ᠳᠤ ᠤᠷᠤᠭᠤᠯᠤᠨ᠎ᠠ᠃    ᠳᠠᠪᠤ ᠳᠤ 5 ᠳᠥᠮᠡᠨ ᠬᠠᠪᠳᠠᠭᠠᠢ ᠳᠥᠷᠪᠡᠯᠵᠢᠨ ᠮᠧᠲᠷ ᠬᠠᠭᠤᠴᠢᠨ ᠤᠷᠤᠨ ᠰᠠᠭᠤᠴᠠ ᠶᠢ ᠥᠬᠡᠷᠡᠴᠢᠯᠡᠬᠦ ᠳᠥᠷᠥᠯ ᠵᠥᠢᠯ ᠢ ᠳᠥᠷᠬᠡᠳᠬᠡᠨ ᠠᠬᠢᠭᠤᠯᠵᠤ᠂ ᠰᠢᠨ᠎ᠡ ᠪᠠᠷ 7.2 ᠳᠥᠮᠡᠨ ᠬᠠᠪᠳᠠᠭᠠᠢ ᠳᠥᠮᠡᠨ ᠮᠧᠲᠷ ᠤᠷᠤᠨ ᠰᠠᠭᠤᠴᠠ ᠪᠠᠶᠢᠭᠤᠯᠤᠨ᠎ᠠ᠃ ᠡᠳᠥᠬᠡ ᠡᠳᠡᠬᠡᠷ ᠳᠥᠷᠥᠯ ᠵᠥᠢᠯ ᠤᠨ ᠡᠮᠥᠨᠡᠬᠢ ᠬᠤᠭᠤᠴᠠᠭᠠᠨ ᠤ ᠭᠠᠷ ᠬᠦᠢᠴᠡᠳᠬᠡᠯ ᠪᠠ ᠭᠠᠵᠠᠷ ᠰᠢᠷᠥᠢ ᠳᠠᠳᠠᠪᠤᠷᠢᠯᠠᠬᠤ ᠠᠵᠢᠯ ᠶᠠᠭᠠᠷᠠᠯᠳᠠᠢ ᠶᠠᠪᠤᠭᠳᠠᠵᠤ ᠪᠤᠢ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠬᠡᠬᠡᠪᠴᠢ ᠰᠥᠯᠵᠢᠶᠡᠨ‌ᠡᠴᠠ ᠮᠤᠩᠭᠤᠯᠴᠢᠯᠠᠪᠠ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号