ᠥᠪᠦᠷ ᠮᠣᠩᠭᠤᠯ᠄ ᠠᠩᠬᠠᠳᠠᠭᠴᠢ ᠪᠥᠯᠦᠭ ᠲᠠᠷᠢᠶᠠᠴᠢᠳ ᠳᠠᠭᠠᠭᠠᠴᠢᠯᠠᠭᠰᠠᠨ ᠭᠠᠵᠠᠷ ᠰᠢᠷᠣᠢ ᠶᠢᠨ      ︽ᠪᠡᠶ᠎ᠡ ᠶᠢᠨ ᠦᠨᠡᠮᠯᠡᠯ︾ ᠢᠶᠠᠨ ᠭᠠᠷᠳᠠᠨ ᠠᠪᠣᠪᠠ
ᠨᠡᠶᠢᠲᠡᠯᠡᠭᠰᠡᠨ ᠴᠠᠭ᠄
2018-06-05
   4 ᠰᠠᠷ᠎ᠠ ᠶᠢᠨ 12 ᠤᠨ ᠡᠳᠤᠷ᠂ ᠲᠣᠰ ᠭᠠᠵᠠᠷ ᠤᠨ ᠲᠣᠰᠬᠤᠨ ᠤ ᠠᠷᠠᠳ ᠭᠠᠷᠳᠠᠵᠣ ᠠᠪᠣᠭᠰᠠᠨ ᠬᠦᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠭᠡ ᠶᠢᠨ ᠦᠨᠡᠮᠯᠡᠯ ᠢᠶᠠᠨ ᠳᠡᠯᠭᠡᠨ ᠦᠵᠡᠭᠦᠯᠦᠨ᠎ᠡ᠃ ᠲᠣᠰ ᠡᠳᠦᠷ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠬᠦᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠣᠯᠭᠤᠬᠤ ᠠᠵᠢᠯ ᠤᠨ ᠪᠠᠶᠢᠷᠢ ᠶᠢᠨ ᠬᠤᠷᠠᠯ ᠬᠦᠬᠡᠬᠤᠲᠠ ᠶᠢᠨ ᠦᠴᠣᠸᠠᠨ ᠰᠢᠶᠠᠨ ᠳᠤ ᠶᠠᠪᠣᠭᠳᠠᠪᠠ᠃ ᠲᠣᠰ ᠭᠠᠵᠠᠷ ᠤᠨ 46 ᠡᠷᠦᠬᠡ ᠲᠠᠷᠢᠶᠠᠴᠢᠨ ᠬᠦᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠭᠡ ᠶᠢᠨ ᠦᠨᠡᠮᠯᠡᠯ ᠢᠶᠠᠨ ᠣᠷᠢᠳᠠᠪᠠᠷ ᠭᠠᠷᠲᠠᠨ ᠣᠯᠵᠣ᠂ ᠥᠪᠦᠷ ᠮᠣᠩᠭᠤᠯ ᠤᠨ ᠪᠦᠬᠦ ᠣᠷᠣᠨ ᠤ ᠭᠠᠵᠠᠷ ᠰᠢᠷᠣᠢ ᠶᠢᠨ ᠡᠷᠭᠡ ᠶᠢ ᠳᠣᠭᠲᠠᠭᠠᠬᠤ ᠦᠨᠡᠮᠯᠡᠯ ᠣᠯᠭᠤᠬᠤ ᠬᠦᠰᠢᠭᠡ ᠶᠢ ᠰᠡᠭᠦᠪᠡ᠃ ᠣᠶᠢᠯᠭᠠᠭᠰᠠᠨ ᠢᠶᠠᠷ᠂ 2018 ᠣᠨ ᠳᠤ ᠥᠪᠦᠷ ᠮᠣᠩᠭᠤᠯ ᠭᠠᠵᠠᠷ ᠰᠢᠷᠣᠢ ᠶᠢᠨ ᠡᠷᠭᠡ ᠶᠢ ᠳᠣᠭᠲᠠᠭᠠᠨ ᠳᠠᠩᠰᠠᠯᠠᠵᠣ ᠦᠨᠡᠮᠯᠡᠯ ᠣᠯᠭᠤᠬᠤ ᠠᠬᠢᠴᠠ ᠶᠢ ᠲᠦᠷᠭᠡᠳᠬᠡᠨ᠂ ᠲᠠᠷᠢᠶᠠᠨ ᠭᠠᠵᠠᠷ ᠲᠠᠯ᠎ᠠ ᠨᠣᠲᠤᠭ ᠤᠨ ᠡᠷᠭᠡ ᠶᠢ ᠳᠣᠭᠲᠠᠭᠠᠨ ᠳᠠᠭᠠᠭᠠᠴᠢᠯᠠᠬᠤ ᠠᠵᠢᠯ ᠢ ᠲᠡᠭᠦᠯᠳᠡᠷᠵᠢᠬᠦᠯᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠰᠢᠷᠣᠢ ᠶᠢᠨ ᠡᠷᠬᠡ ᠶᠢ ᠳᠣᠭᠲᠠᠭᠠᠨ ᠳᠠᠩᠰᠠᠯᠠᠨ ᠦᠨᠡᠮᠯᠡᠯ ᠣᠯᠭᠤᠬᠤ ᠠᠵᠢᠯ ᠢ ᠦᠨᠳᠦᠰᠦᠨ ᠳᠤ  ᠪᠠᠨ ᠳᠠᠭᠤᠰᠬᠠᠬᠤ ᠪᠤᠯᠤᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠬᠡᠬᠡᠪᠴᠢ ᠰᠥᠯᠵᠢᠶᠡᠨ‌ᠡᠴᠠ ᠮᠤᠩᠭᠤᠯᠴᠢᠯᠠᠪᠠ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号