ᠭᠤᠤᠯᠳᠠᠯᠭᠠᠳᠤ ᠲᠦᠷᠦᠯ ᠵᠤᠶᠢᠯ ᠰᠢᠳᠠᠮᠠᠬᠠᠢ ᠭᠡᠢ ᠶᠢᠨ ᠬᠤᠳᠳᠤᠭ ᠤᠨ ᠬᠠᠶᠠᠭᠳᠠᠮᠠᠯ ᠡᠳ᠋ ᠢ ᠪᠤᠭᠢᠷᠳᠤᠯ ᠦᠭᠡᠢ ᠪᠠᠷ ᠰᠢᠢᠳᠪᠦᠷᠢᠯᠡᠭᠦ ᠲᠦᠷᠦᠯ ᠵᠤᠶᠢᠯ ᠤᠷᠤᠭᠰᠢᠳᠡᠢ ᠠᠬᠢᠪᠠ
ᠨᠡᠶᠢᠲᠡᠯᠡᠭᠰᠡᠨ ᠴᠠᠭ᠄
2018-06-06
   ᠤᠶᠢᠷ᠎ᠠ ᠳᠤ᠂ ᠴᠤᠸᠡᠩ ᠬᠤᠢ ᠳᠤᠰᠤᠨ ᠠᠭᠤᠷᠬᠠᠢ ᠶᠢᠨ ᠮᠡᠷᠭᠡᠵᠢᠯ ᠤᠨ ᠤᠶᠢᠯᠡᠴᠢᠯᠡᠭᠡᠨ ᠤ ᠭᠢᠵᠠᠭᠠᠷᠳᠤ ᠺᠤᠮᠫᠠᠨᠢ ᠶᠢᠨ ᠵᠢᠯ ᠳᠤ 45 ᠲᠦᠮᠡᠨ ᠲᠤᠨ ᠲᠤᠰᠤ ᠪᠤᠷᠳᠠᠭ ᠲᠠᠢ ᠰᠢᠩᠭᠡᠨ ᠰᠢᠪᠡᠷ ᠪᠠ ᠲᠠᠷᠤᠯᠳᠠ ᠪᠠᠷ ᠠᠡᠭ ᠭᠠᠷᠭᠠᠬᠤ ᠠᠴᠠ ᠪᠤᠯᠤᠭᠰᠠᠨ ᠭᠠᠳᠠᠭᠰᠢᠯ ᠰᠢᠩᠭᠡᠨ ᠢ ᠰᠢᠢᠳᠪᠦᠷᠢᠯᠡᠭᠦ ᠲᠦᠷᠦᠯ ᠵᠤᠶᠢᠯ ᠤᠨ ᠢᠨᠵᠧᠨᠧᠷᠢᠩ ᠤᠷᠤᠭᠰᠢᠳᠡᠢ  ᠠᠬᠢᠪᠠ᠃    ᠴᠤᠸᠡᠩ ᠬᠤᠢ ᠲᠤᠰᠤᠨ ᠠᠭᠤᠷᠬᠠᠢ ᠶᠢᠨ ᠮᠡᠷᠭᠡᠵᠢᠯ ᠤᠨ ᠤᠶᠢᠯᠡᠴᠢᠯᠡᠭᠡᠨ ᠤ ᠭᠢᠵᠠᠭᠠᠷᠳᠤ ᠺᠤᠮᠫᠠᠨᠢ ᠶᠢᠨ ᠵᠢᠯ  ᠳᠤ 45 ᠲᠦᠮᠡᠨ ᠲᠤᠨ ᠤ ᠲᠤᠰᠤᠨ ᠪᠤᠷᠳᠠᠭ ᠢ ᠰᠢᠢᠳᠪᠦᠷᠢᠯᠡᠭᠦ ᠪᠠᠷᠢᠯᠭ᠎ᠠ ᠶᠢᠨ ᠭᠠᠵᠠᠷ ᠲᠤ ᠴᠦᠭᠦᠷᠦᠮ ᠤᠨ ᠰᠠᠭᠤᠷᠢ ᠶᠢ ᠵᠠᠰᠠᠨ ᠲᠡᠪᠢᠰᠭᠦ᠂ ᠤᠰᠤ ᠯᠡᠪᠡᠷᠡᠭᠦ ᠶᠢ ᠰᠡᠷᠭᠡᠶᠢᠯᠡᠭᠦ ᠪᠠᠷᠢᠯᠭ᠎ᠠ ᠪᠠ 1᠂ 2 ᠳ᠋ᠤᠭᠠᠷ ᠨᠤᠮᠧᠷᠳᠤ ᠲᠠᠰᠤᠯᠭ᠎ᠠ ᠶᠢᠨ ᠰᠠᠭᠤᠷᠢ ᠶᠢ ᠮᠠᠯᠳᠠᠬᠤ ᠠᠵᠢᠯ ᠢ ᠴᠦᠮ ᠳᠠᠭᠤᠰᠬᠠᠭᠠᠤᠨ᠂ ᠭᠠᠳᠠᠭᠰᠢᠯ ᠰᠢᠩᠭᠡᠨ ᠤ ᠴᠦᠭᠦᠷᠦᠮ ᠤᠨ ᠵᠠᠩᠭᠢᠯᠠᠭᠠᠰᠤ ᠲᠡᠮᠤᠷ ᠢ ᠵᠠᠰᠠᠬᠤ ᠪᠠ ᠪᠠᠷᠢᠯᠭ᠎ᠠ ᠶᠢᠨ ᠭᠠᠵᠠᠷ ᠤᠨ ᠤᠷᠴᠢᠨ ᠢ ᠨᠤᠭᠤᠭᠠᠷᠠᠭᠤᠯᠬᠤ ᠠᠵᠢᠯ ᠢ ᠵᠡᠷᠭᠡ ᠳᠤ  ᠨᠢ ᠭᠢᠵᠤ᠂ 6 ᠰᠠᠷ᠎ᠠ ᠶᠢᠨ 30 ᠠᠴᠠ ᠡᠮᠤᠨ᠎ᠠ ᠭᠡᠷᠡᠭᠯᠡᠯᠳᠠ ᠳᠤ ᠤᠷᠤᠭᠤᠯᠬᠤ ᠪᠠᠷ ᠲᠦᠯᠦᠪᠯᠡᠵᠤ ᠪᠤᠢ᠃    ᠲᠤᠰᠤᠨ ᠪᠤᠷᠳᠠᠭ ᠲᠠᠢ ᠰᠢᠩᠭᠡᠨ ᠰᠢᠪᠡᠷ ᠪᠠ ᠭᠠᠳᠠᠭᠰᠢᠯ ᠰᠢᠩᠭᠡᠨ ᠪᠤᠯ ᠲᠤᠰᠤᠨ ᠠᠭᠤᠷᠬᠠᠢ ᠶᠢ ᠨᠡᠭᠡᠭᠡᠨ ᠮᠠᠯᠳᠠᠬᠤ ᠶᠠᠪᠤᠴᠠ ᠳᠤ ᠭᠠᠷᠤᠭᠰᠠᠨ ᠪᠤᠭᠢᠷᠳᠤᠯ ᠪᠤᠳᠠᠰ ᠪᠠᠶᠢᠵᠤ᠂ ᠭᠡᠷᠪᠡ ᠵᠤᠬᠢᠰᠳᠠᠢ ᠰᠢᠢᠳᠪᠦᠷᠢᠯᠡᠭᠦ ᠦᠭᠡᠢ ᠪᠤᠯ ᠤᠷᠴᠢᠨ ᠲᠤᠭᠤᠷᠢᠨ ᠢ ᠭᠦᠨᠳᠤ ᠨᠤᠴᠢᠳᠡᠢ ᠪᠤᠬᠢᠷᠳᠤᠭᠤᠯᠳᠠᠭ᠃ ᠰᠢᠳᠠᠮᠠᠬᠠᠢ ᠭᠡᠢ ᠶᠢᠨ ᠬᠤᠳᠳᠤᠭ ᠤᠨ ᠬᠠᠶᠠᠭᠳᠠᠮᠠᠯ ᠪᠤᠳᠠᠰ ᠢ ᠪᠤᠭᠢᠷᠳᠤᠯ ᠦᠭᠡᠢ ᠪᠠᠷ ᠰᠢᠢᠳᠪᠦᠷᠢᠯᠡᠭᠦ ᠲᠦᠷᠦᠯ ᠵᠤᠶᠢᠯ ᠪᠤᠯ ᠰᠢᠳᠡᠮᠠᠬᠠᠢ ᠭᠡᠢ ᠶᠢᠨ ᠬᠤᠳᠳᠤᠭ ᠤᠨ ᠤᠶᠢᠷ᠎ᠠ ᠬᠠᠪᠢ ᠶᠢᠨ ᠤᠷᠴᠢᠨ ᠲᠤᠭᠤᠷᠢᠨ ᠳᠤ ᠤᠷᠤᠭᠰᠠᠨ ᠭᠦᠨᠤᠭᠡᠯᠳᠤ ᠪᠦᠷᠢᠯᠳᠦᠭᠦᠨ ᠢ ᠵᠠᠳᠠᠷᠠᠭᠤᠯᠤᠨ ᠦᠭᠡᠶᠢᠰᠭᠡᠵᠤ᠂ ᠬᠠᠶᠠᠭᠳᠠᠮᠠᠯ ᠪᠤᠳᠠᠰ ᠳᠤ ᠬᠢ ᠠᠰᠢᠭ ᠲᠠᠢ ᠪᠤᠳᠠᠰ ᠢ ᠢᠯᠭᠠᠪᠤᠷᠢᠯᠠᠨ ᠭᠠᠷᠭᠠᠭᠠᠳ ᠲᠠᠭᠢᠨ ᠠᠰᠢᠭᠯᠠᠬᠤ ᠤᠴᠢᠷ ᠠᠴᠠ ᠬᠠᠶᠠᠭᠳᠠᠮᠠᠯ ᠪᠤᠳᠠᠰ ᠤᠨ ᠨᠤᠳᠤᠭ ᠪᠡᠯᠴᠢᠭᠡᠷ ᠤᠨ ᠠᠮᠢ ᠠᠬᠤᠢ ᠶᠢᠨ ᠤᠷᠴᠢᠨ ᠲᠤᠭᠤᠷᠢᠨ ᠭᠢᠭᠡᠳ ᠭᠠᠵᠠᠷ ᠲᠤᠤᠷᠠᠭᠢ ᠤᠰᠤᠨ ᠤ ᠡᠭᠢ ᠰᠤᠷᠪᠤᠯᠵᠢ ᠶᠢ ᠪᠤᠭᠢᠷᠳᠤᠭᠤᠯᠬᠤ ᠪᠠ ᠡᠪᠳᠡᠭᠦ ᠶᠢ ᠬᠢᠵᠠᠭᠠᠷᠯᠠᠵᠤ᠂ ᠦᠨᠡᠨ ᠬᠦ ︽ᠤᠷᠴᠢᠨ ᠲᠤᠭᠤᠷᠢᠨ ᠲᠠᠢ ᠨᠦᠭᠦᠷᠰᠡᠭ ᠮᠦᠷᠳᠡᠭᠡᠨ ᠡᠭᠢ ᠰᠤᠷᠪᠤᠯᠵᠢ ᠶᠢ ᠠᠰᠢᠭᠯᠠᠵᠤ ᠲᠠᠶᠢᠯᠭᠦ︾ ᠡᠷᠭᠢᠯᠳᠡᠳᠤ ᠠᠵᠤ ᠠᠬᠤᠢ ᠶᠢᠨ ᠦᠷᠭᠦᠯᠵᠢᠭᠦᠶᠢᠴᠡ ᠭᠦᠭᠵᠢᠯᠳᠠ ᠶᠢ ᠪᠡᠶᠡᠯᠡᠭᠦᠯᠭᠦ ᠪᠤᠯᠤᠨ᠎ᠠ᠃    ᠤᠶᠢᠯᠠᠭᠠᠭᠰᠠᠨ ᠢᠶᠠᠷ᠂ ᠡᠨᠡᠭᠦ ᠲᠦᠷᠦᠯ ᠵᠤᠶᠢᠯ ᠢ 2017 ᠤᠨ ᠤ 6 ᠰᠠᠷ᠎ᠠ ᠳᠤ ᠡᠭᠢᠯᠡᠨ ᠪᠦᠳᠦᠭᠡᠨ ᠪᠠᠶᠢᠭᠤᠯᠵᠤ᠂ ᠡᠵᠡᠯᠡᠭᠦ ᠶᠡᠷᠤᠩᠭᠡᠢ ᠲᠠᠯᠠᠪᠡᠢ 200 ᠮᠤ᠋᠂ ᠶᠡᠷᠤᠩᠭᠡᠢ ᠪᠡᠯᠡ ᠤᠷᠤᠭᠤᠯᠤᠯᠳᠠ 1.5 ᠳ᠋ᠦᠡᠭᠰᠢᠭᠤᠷ ᠲᠦᠬᠦᠷᠢᠭ᠃ ᠲᠦᠰᠦᠭᠡᠯᠡᠭᠰᠡᠨ ᠢᠶᠠᠷ᠂ ᠡᠨᠡ ᠵᠢᠯ ᠤᠨ 6 ᠰᠠᠷ᠎ᠠ ᠳᠤ ᠭᠡᠷᠡᠭᠯᠡᠯᠳᠠ ᠳᠤ ᠤᠷᠤᠵᠤ᠂ 10 ᠰᠠᠷ᠎ᠠ ᠶᠢᠨ ᠰᠡᠭᠦᠯᠴᠢ ᠪᠠᠷ ᠪᠦᠭᠦ ᠪᠠᠶᠢᠭᠤᠯᠤᠯᠳᠠ ᠪᠠᠨ ᠲᠠᠭᠤᠰᠬᠠᠬᠤ ᠪᠠᠷ ᠪᠠᠶᠢᠨ᠎ᠠ᠃ ᠡᠨᠡ ᠬᠦ ᠲᠦᠷᠦᠯ ᠵᠤᠶᠢᠯ ᠪᠠᠶᠢᠭᠤᠯᠤᠭᠳᠠᠭᠰᠡᠨ ᠤ ᠲᠠᠷᠠᠭ᠎ᠠ ᠵᠢᠯ ᠤᠨ ᠤᠶᠢᠯᠡᠳᠭᠦᠨ ᠤ ᠦᠷᠳᠡᠭ 2 ᠳ᠋ᠦᠡᠭᠰᠢᠭᠤᠷ ᠲᠦᠭᠦᠷᠢᠭ ᠲᠤ ᠭᠦᠷᠴᠤ᠂ 0.25 ᠳ᠋ᠦᠡᠭᠰᠢᠭᠤᠷ ᠲᠦᠭᠦᠷᠢᠭ ᠤᠨ ᠭᠠᠶᠢᠯᠢ ᠶᠢᠨ ᠤᠷᠤᠯᠭ᠎ᠠ ᠡᠭᠦᠳᠭᠦ ᠪᠠᠷ ᠪᠠᠶᠢᠨ᠎ᠠ᠃  
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号