ᠮᠠᠨ ᠤ ᠬᠤᠰᠢᠭᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠡᠬᠦᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2018-06-06
   5 ᠰᠠᠷ᠎ᠠ ᠶᠢᠨ 9 ᠤ ᠡᠳᠦᠷ᠂ ᠮᠠᠨ ᠤ ᠬᠤᠰᠢᠭᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠡᠬᠦᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠠᠶᠢᠴᠢᠯᠠᠯᠳᠠ ᠶᠢᠨ ᠪᠠᠶᠢᠷᠢᠯᠠᠭᠤᠯᠤᠯᠳᠠ  ᠶᠢᠨ ᠬᠤᠷᠠᠯ ᠪᠠ ᠤᠳᠤᠷᠢᠳᠬᠤ ᠲᠤᠭᠤᠶᠢᠯᠠᠩ ᠤᠨ ᠨᠢᠬᠡᠳᠤᠬᠡᠷ ᠤᠳᠠᠭ᠎ᠠ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃    ᠬᠤᠷᠠᠯ ᠲᠡᠬᠡᠷ᠎ᠡ ᠪᠦᠬᠦ ᠤᠷᠤᠨ᠂ ᠪᠦᠬᠦ ᠬᠤᠳᠠ ᠶᠢᠨ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠡᠬᠦᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠧᠯᠸᠢᠰ ᠳ᠋ᠢᠶᠠᠨᠩᠬᠤᠸᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠠᠯᠠᠭᠤᠯᠤᠭᠰᠠᠨ ᠪᠠᠶᠢᠨ᠎ᠠ᠃     ᠬᠤᠰᠢᠭᠤ ᠠᠷᠠᠳ ᠤᠨ ᠪᠠᠶᠢᠩᠭᠤ ᠶᠢᠨ ᠬᠤᠷᠢᠶᠠᠨ ᠤ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠪᠠᠢ ᠶᠦᠩ ᠹᠧᠩ ᠵᠢᠭᠠᠵᠤ ᠭᠠᠷᠭᠠᠬᠤ ᠳᠠᠭᠠᠨ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠡᠬᠦᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠪᠤᠯ ᠪᠦᠬᠦ ᠬᠤᠰᠢᠭᠤᠨ ᠤ ᠨᠠᠮ ᠤᠨ ᠬᠡᠰᠢᠬᠦᠨ ᠪᠤᠯᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠲᠤᠮᠳᠠᠬᠢ ᠨᠢᠬᠡᠨ ᠴᠢᠬᠤᠯᠠ  ᠶᠠᠪᠤᠳᠠᠯ ᠮᠦᠨ᠂ ᠮᠦᠨ ᠴᠦ ᠲᠦᠢᠯ ᠤᠨ ᠴᠢᠬᠤᠯᠠ ᠤᠯᠤᠰ ᠲᠦᠷᠦ ᠶᠢᠨ ᠡᠬᠦᠷᠬᠡ ᠮᠦᠨ᠃ ᠡᠯ᠎ᠡ ᠪᠠᠯᠭᠠᠰᠤ᠂ ᠡᠯ᠎ᠡ ᠪᠠᠶᠢᠭᠤᠯᠭ᠎ᠠ ᠨᠢᠬᠡᠴᠡ  ᠶᠢᠨ ᠬᠢᠨ ᠪᠦᠬᠦ ᠳᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠤᠷᠴᠡ ᠠᠴᠠ᠂ ᠤᠯᠤᠰ ᠲᠦᠷᠦ ᠶᠢᠨ ᠬᠠᠷᠢᠭᠤᠴᠠᠯᠭᠠᠳᠤ ᠰᠡᠳᠬᠢᠯᠬᠡ ᠪᠠᠨ ᠦᠨᠡᠨ ᠬᠦ ᠲᠡᠬᠡᠭᠰᠢᠯᠡᠬᠦᠯᠵᠤ᠂ ᠵᠤᠭᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠬᠦᠷᠬᠡ ᠬᠠᠷᠠᠯᠳᠠ ᠪᠠᠨ ᠢᠯᠡ ᠲᠤᠳᠤ ᠲᠤᠭᠳᠠᠭᠠᠵᠤ᠂ ᠦᠵᠡᠯ ᠰᠠᠨᠠᠭ᠎ᠠ ᠦᠢᠯᠡ ᠠᠵᠢᠯᠠᠯᠭ᠎ᠠ ᠪᠠᠨ ᠲᠡᠭᠡᠳᠤ ᠱᠠᠳᠤᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠪᠠᠶᠢᠷᠢᠯᠠᠭᠤᠯᠤᠯᠳᠠ ᠲᠠᠢ ᠨᠢᠭᠡᠳᠭᠡᠵᠤ᠂ ᠰᠠᠭᠢᠯᠭ᠎ᠠ ᠪᠠᠳᠤ ᠶᠢ ᠴᠢᠩᠭ᠎ᠠ ᠰᠠᠭᠢᠨ᠂ ᠲᠤᠭᠳᠠᠭᠰᠠᠨ ᠬᠤᠭᠤᠴᠠᠭᠠᠨ ᠳᠤ ᠪᠠᠨ ᠰᠤᠩᠭᠤᠭᠤᠯᠢ ᠶᠢᠨ ᠠᠵᠢᠯ ᠢ ᠪᠦᠬᠦ ᠲᠠᠯ᠎ᠠ ᠪᠠᠷ ᠡᠬᠢᠯᠡᠬᠦᠯᠬᠦ ᠬᠡᠷᠡᠭᠲᠡᠢ ᠬᠡᠪᠡ᠃    ᠡᠨᠡ ᠤᠳᠠᠭᠠᠨ ᠤ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠡᠬᠦᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ 4 ᠰᠠᠷ᠎ᠠ ᠳᠤ ᠡᠬᠢᠯᠡᠵᠤ᠂ 9 ᠰᠠᠷ᠎ᠠ ᠳᠤ ᠲᠠᠭᠤᠰᠬᠤ ᠪᠠᠷ ᠪᠠᠶᠢᠨ᠎ᠠ᠃ ᠪᠡᠯᠡᠳᠬᠡᠯ ᠠᠵᠢᠯ᠂ ᠬᠡᠷᠡᠭᠵᠢᠬᠦᠯᠬᠦ ᠠᠵᠢᠯ᠂ ᠲᠠᠷᠠᠭᠠᠴᠢ ᠶᠢᠨ ᠠᠵᠢᠯ᠂ ᠰᠢᠯᠭᠠᠨ ᠳ᠋ᠦᠩᠨᠡᠬᠦ ᠵᠡᠷᠬᠡ ᠲᠦᠷᠪᠡᠨ ᠭᠤᠭᠴᠤᠭ᠎ᠠ ᠪᠠᠷ ᠶᠠᠪᠤᠭᠳᠠᠬᠤ ᠪᠤᠯᠤᠨ᠎ᠠ᠃  
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号