ᠬᠤᠰᠢᠭᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠭᠠᠷᠠᠭ ᠤᠨ ᠠᠵᠢᠯᠯᠠᠭ᠎ᠠ ᠬᠦᠭᠵᠢᠶᠡᠨᠳᠡᠢ ᠶᠠᠪᠤᠭᠳᠠᠪᠠ
ᠨᠡᠶᠢᠲᠡᠯᠡᠭᠰᠡᠨ ᠴᠠᠭ᠄
2018-06-06
    5 ᠰᠠᠷ᠎ᠠ ᠶᠢᠨ 6 ᠤ ᠡᠳᠣᠷ ᠠᠴᠠ 12 ᠤ ᠡᠳᠦᠷ ᠪᠤᠯ ᠪᠦᠬᠦ ᠤᠯᠤᠰ ᠤᠨ ᠲᠦᠷᠪᠡᠳᠦᠬᠡᠷ ᠬᠤᠭᠤᠴᠠᠭᠠᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠭᠠᠷᠠᠭ ᠤᠨ ᠠᠵᠢᠯᠯᠠᠭᠠᠨ ᠤ ᠴᠠᠭ ᠪᠤᠯᠤᠨ᠎ᠠ︔ 5 ᠰᠠᠷ᠎ᠠ ᠶᠢᠨ 9 ᠤ ᠡᠳᠦᠷ᠂ ᠬᠤᠰᠢᠭᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠤᠯᠵᠠᠴᠢ ᠪᠠᠯᠭᠠᠰᠤᠨ ᠤ ᠴᠠᠬᠢᠷᠮ᠎ᠠ ᠴᠡᠴᠡᠭ ᠠᠭᠤᠳᠠᠮ ᠳᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃    ᠶᠤᠰᠤᠯᠠᠯ ᠳᠡᠭᠡᠷ᠎ᠡ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠪᠠᠢ ᠲᠦᠡᠭ  ᠠᠴᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯᠯᠠᠭᠠᠨ ᠡᠬᠢᠯᠡᠭᠰᠡᠨ ᠢ ᠵᠠᠷᠯᠠᠪᠠ︔ ᠬᠤᠰᠢᠭᠤ ᠰᠤᠷᠭᠠᠨ ᠬᠦᠮᠦᠵᠢᠯ ᠪᠡᠶ᠎ᠡ ᠳᠠᠮᠢᠷ ᠤᠨ ᠲᠤᠪᠴᠢᠶ᠎ᠠ᠂ ᠦᠨᠳᠦᠰᠦᠳᠡᠨ ᠤ ᠠᠵᠢᠯ ᠮᠡᠷᠭᠡᠵᠢᠯ ᠤᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠵᠠᠷᠭᠡ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠤᠨ᠂ ᠡᠯ᠎ᠡ ᠳᠤᠮᠳᠠᠳᠤ ᠰᠤᠷᠭᠠᠭᠤᠯᠢ ᠶᠢᠨ ᠰᠤᠷᠤᠭᠴᠢᠤᠨ ᠵᠢᠴᠢ ᠨᠡᠶᠢᠬᠡᠮ ᠤᠨ ᠡᠯ᠎ᠡ ᠡᠳᠡᠭᠡᠤᠨ ᠤᠨ 2000 ᠭᠠᠷᠤᠢ ᠬᠦᠮᠦᠨ ᠬᠦᠷᠦᠯᠴᠡᠨ ᠢᠷᠡᠵᠤ ᠶᠤᠰᠤᠯᠠᠯ ᠳᠤ ᠤᠷᠤᠯᠴᠠᠪᠠ᠃    ᠶᠤᠰᠤᠯᠠᠯ ᠨᠢ ᠬᠤᠰᠢᠭᠤ ᠦᠨᠳᠦᠰᠦᠳᠡᠨ ᠤ ᠠᠵᠢᠯ ᠮᠡᠷᠭᠡᠵᠢᠯ ᠤᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠪᠠᠭᠰᠢ ᠰᠤᠷᠤᠭᠴᠢᠤᠨ ᠤᠨ ᠤᠷᠠᠨ ᠰᠠᠶᠢᠬᠠᠨ ᠤ ᠲᠤᠭᠯᠠᠯᠳᠠ ᠪᠠᠷ ᠡᠬᠢᠯᠠᠯᠳᠠ ᠶᠢᠨ ᠬᠦᠰᠢᠭᠡ ᠪᠠᠨ ᠢᠷᠠᠵᠤ᠂ ᠠᠵᠢᠯ ᠮᠡᠷᠭᠡᠵᠢᠯ ᠤᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠦᠪᠠᠷᠳᠡᠭᠡᠨ ᠤᠶᠢᠯᠡᠳᠤᠭᠰᠡᠨ ᠭᠠᠷ ᠤᠷᠠᠯᠠᠯ ᠤᠨ ᠪᠦᠲᠦᠬᠡᠭᠳᠡᠬᠦᠨ ᠢ ᠲᠠᠯᠭᠡᠨ ᠦᠵᠠᠬᠦᠯᠵᠤ᠂ ᠬᠦᠮᠦᠰ ᠤᠨ ᠮᠠᠭᠳᠠᠭᠠᠯ ᠪᠠᠭ᠋ᠠᠷᠬᠠᠯ ᠢ ᠤᠯᠤᠭᠰᠠᠨ ᠪᠦᠭᠡᠳ 12 ᠰᠤᠷᠤᠭᠴᠢ ᠶᠢᠨ ᠪᠦᠳᠤᠬᠡᠯ ᠨᠢ ᠦᠪᠠᠷᠮᠢᠴᠡ ᠤᠨᠴᠠᠯᠢᠭ ᠲᠠᠢ᠂ ᠭᠠᠷ ᠤᠷᠠᠯᠠᠯ ᠨᠢ ᠨᠠᠷᠢᠨ ᠭᠤᠶᠤ ᠪᠤᠯᠬᠤᠷ ᠤᠷᠳᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠦᠵᠡᠰᠬᠦᠯᠡᠩ ᠤᠨ ᠤᠷᠳᠤᠨ ᠳᠤ ᠬᠤᠷᠢᠶᠠᠨ ᠬᠠᠳᠠᠭᠠᠯᠠᠬᠤ ᠪᠠᠷ ᠪᠤᠯᠵᠤ᠂ ᠠᠬᠤᠢ ᠳᠠᠯᠠᠪᠠᠢ ᠳᠤ ᠱᠠᠩᠨᠠᠯ ᠤᠨ ᠦᠨᠡᠮᠯᠡᠯ ᠪᠠ ᠬᠤᠷᠢᠶᠠᠨ ᠬᠠᠳᠠᠭᠠᠯᠠᠬᠤ ᠪᠠᠷᠢᠮᠳᠠ ᠭᠠᠷᠳᠠᠭᠤᠯᠤᠭᠰᠠᠨ ᠪᠠᠶᠢᠨ᠎ᠠ᠃    ᠶᠤᠰᠤᠯᠠᠯ ᠲᠡᠭᠡᠷ᠎ᠡ᠂ ᠬᠤᠷᠠᠨ ᠴᠤᠭᠯᠠᠷᠠᠭᠰᠠᠨ ᠬᠦᠮᠦᠰ ᠮᠠᠨ ᠤ ᠬᠤᠰᠢᠭᠤᠨ ᠤ ᠦᠨᠳᠦᠰᠦᠳᠡᠨ ᠤ ᠠᠵᠢᠯ ᠮᠡᠷᠭᠡᠵᠢᠯ ᠤᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠯ᠎ᠡ ᠲᠤᠰᠬᠠᠢ ᠮᠡᠷᠭᠡᠵᠢᠯ ᠤᠨ ᠰᠤᠷᠤᠭᠴᠢᠳ ᠤᠨ ᠦᠪᠠᠰᠤᠪᠠᠨ ᠤᠶᠢᠯᠡᠳᠤᠭᠰᠡᠨ ᠤᠷ᠎ᠠ ᠴᠢᠳᠠᠪᠤᠷᠢ ᠶᠢᠨ ᠪᠦᠳᠦᠭᠡᠭᠳᠡᠬᠦᠨ ᠤ ᠳᠡᠯᠬᠡᠨ ᠦᠵᠡᠬᠦᠯᠦᠯᠬᠡ ᠵᠢᠴᠢ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠵᠢᠭᠠᠨ ᠰᠤᠷᠭᠠᠯᠳᠠ ᠶᠢᠨ ᠦᠷ᠎ᠡ ᠪᠦᠲᠦᠮᠵᠢ ᠶᠢ ᠲᠤᠭᠤᠷᠢᠨ ᠦᠵᠠᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯᠯᠠᠭᠠᠨ ᠢᠶᠠᠷ ᠠᠵᠠ ᠲᠤᠬᠢᠶᠠᠯ ᠪᠤᠯᠭᠠᠵᠤ᠂ ᠤᠷᠠᠨ ᠳᠠᠷᠬᠠᠨ ᠤ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠬᠡᠮ ᠲᠠᠶᠠᠭᠠᠷ ᠲᠤ ︽ᠠᠵᠢᠯ ᠬᠦᠳᠡᠯᠮᠦᠷᠢ ᠪᠤᠯ ᠦᠡᠭᠭᠡ ᠭᠡᠷᠡᠯ ᠲᠠᠢ᠂ ᠤᠷ᠎ᠠ ᠴᠢᠳᠠᠪᠤᠷᠢ ᠶᠢ ᠡᠷᠬᠢᠮᠯᠡᠬᠦ᠂ ᠴᠠᠭ ᠦᠶ᠎ᠡ ᠶᠢᠨ ᠬᠡᠪ ᠰᠤᠷᠳᠠᠯ ᠢ ᠡᠬᠦᠳᠦᠨ ᠪᠦᠲᠦᠬᠡᠬᠦ︾ ᠤᠶᠢᠯᠠᠭᠠᠭᠳᠠᠬᠤᠨ ᠢ ᠲᠠᠨᠢᠭᠤᠯᠤᠭᠰᠠᠨ ᠪᠠᠶᠢᠨ᠎ᠠ᠃ ᠡᠬᠦᠨ ᠤ ᠲᠠᠭᠠᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠤᠶᠢᠯᠭᠠᠨ᠂ ᠠᠵᠢᠯ ᠮᠡᠷᠭᠡᠵᠢᠯ ᠤᠨ ᠲᠤᠷ᠎ᠠ ᠰᠤᠨᠢᠷᠬᠠᠯ ᠪᠠ ᠦᠵᠡᠯᠳᠡ ᠳᠠᠨᠢᠯᠳᠠ ᠶᠢ ᠬᠦᠮᠦᠵᠢᠬᠦᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠤ ᠠᠬᠤᠢ ᠨᠡᠶᠢᠬᠡᠮ ᠤᠨ ᠬᠦᠭᠵᠢᠯᠲᠡ ᠳᠤ ᠦᠵᠡᠬᠦᠯᠬᠦ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠳᠠᠳᠠᠬᠤ ᠬᠦᠴᠦᠨ ᠪᠤᠯᠤᠨ ᠨᠦᠯᠦᠬᠡᠯᠡᠬᠦ ᠬᠦᠴᠦᠨ  ᠢ ᠳᠡᠭᠡᠭᠰᠢᠯᠡᠬᠦᠯᠵᠤ᠂ ᠤᠳᠤᠭ ᠤᠨ ᠡᠮᠦᠨᠡᠳᠤ ᠬᠤᠰᠢᠭᠤᠨ ᠤ ᠭᠠᠵᠠᠷ ᠤᠷᠤᠨ ᠤ ᠤᠨᠴᠠᠯᠢᠭᠳᠤ ᠤᠳᠤᠬᠢᠴᠢᠯᠠᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠪᠦᠲᠦᠬᠡᠨ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢᠨ ᠬᠦᠭᠵᠢᠯᠳᠡ ᠳᠤ ᠤᠬᠢ ᠰᠡᠶᠢᠨ ᠳᠠᠪᠴᠠᠩ ᠢ ᠴᠢᠷᠮᠠᠶᠢᠨ ᠡᠬᠦᠤᠨᠪᠠ᠃ᠬᠤᠰᠢᠭᠤ ᠦᠨᠳᠦᠰᠦᠳᠡᠨ ᠤ ᠠᠵᠢᠯ ᠮᠡᠷᠭᠡᠵᠢᠯ ᠤᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠡᠭᠭᠤ  ᠶᠢᠨ ᠳᠡᠳ᠋ ᠵᠠᠬᠢᠷᠤᠯ ᠮᠦᠷᠡᠨ᠄ ᠤᠯᠤᠰ ᠤᠨ ᠰᠤᠷᠭᠠᠨ ᠬᠦᠮᠦᠵᠢᠯ ᠤᠨ ᠶᠠᠮᠤᠨ ᠠᠴᠠ ᠵᠢᠯ ᠪᠤᠯᠭᠠᠨ ᠤ 5 ᠰᠠᠷ᠎ᠠ ᠶᠢᠨ ᠬᠤᠶᠠᠳᠤᠭᠠᠷ ᠭᠠᠷᠠᠭ ᠢ ᠠᠵᠢᠯ ᠮᠡᠷᠭᠡᠵᠢᠯ ᠤᠨ ᠤᠬᠠᠭᠤᠯᠬᠤ ᠭᠠᠷᠠᠭ ᠪᠤᠯᠭᠠᠵᠠᠢ᠃ ᠬᠠᠮᠤᠭ ᠤᠨ ᠶᠡᠭᠡ ᠵᠤᠷᠢᠯᠭ᠎ᠠ ᠪᠤᠯ ᠪᠦᠬᠦ ᠨᠡᠶᠢᠬᠡᠮ ᠨᠡᠶᠢᠳᠡ ᠳᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠡᠤᠬᠡᠤᠨ ᠤᠳ ᠬᠦᠳᠡᠯᠮᠦᠷᠢ ᠶᠢ ᠬᠦᠨᠳᠤᠤᠨᠬᠡᠵᠤ᠂ ᠭᠠᠷ ᠤᠷᠠᠯᠠᠯ ᠢᠶᠠᠨ ᠬᠦᠨᠳᠤᠤᠨᠬᠡᠳᠡᠭ ᠬᠡᠰᠡᠨ ᠢ ᠮᠡᠳᠡᠬᠦᠯᠬᠦ ᠶᠢᠨ ᠲᠦᠯᠤᠬᠡ ᠡᠨᠡ ᠤᠳᠠᠭᠠᠨ ᠤ ᠨᠡᠶᠢᠬᠡᠮ ᠨᠡᠶᠢᠳᠡ ᠳᠤ ᠬᠠᠨᠳᠤᠭᠤᠯᠤᠭᠰᠠᠨ ᠬᠦᠳᠡᠯᠬᠡᠬᠡᠨ ᠢ ᠬᠢᠭᠰᠡᠨ ᠶᠤᠮ ᠬᠡᠪᠡ᠃    ᠰᠤᠷᠤᠭᠴᠢ ᠪᠦᠷᠢᠡᠡᠦ᠋ᠯᠵᠡᠢ᠄ ᠪᠢ ᠠᠷᠤ ᠬᠤᠷᠴᠢᠨ ᠨᠤᠳᠤᠭ ᠲᠠᠢ᠂ 2017 ᠤᠨ ᠳᠤ ᠤᠳᠤᠭ ᠤᠨ ᠡᠮᠦᠨᠡᠳᠤ ᠬᠤᠰᠢᠭᠤᠨ ᠤ ᠦᠨᠳᠦᠰᠦᠳᠡᠨ ᠤ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠳᠤ ᠢᠷᠡᠭᠡᠤᠨ ᠦᠨᠳᠦᠰᠦᠳᠡᠨ ᠤ ᠭᠠᠷ ᠤᠷᠠᠯᠠᠯ ᠰᠤᠷᠤᠭᠠᠤᠨ ᠨᠢᠬᠡᠨᠳᠡ ᠵᠢᠯ ᠭᠠᠷᠤᠢ ᠪᠤᠯᠵᠠᠢ︔ ᠦᠨᠳᠦᠰᠦᠳᠡᠨ ᠤ ᠭᠠᠷ ᠤᠷᠠᠯᠠᠯ ᠤᠨ ᠳᠤᠳᠤᠷᠠᠬᠢ ᠠᠷᠠᠰᠤᠨ ᠵᠢᠷᠤᠭ᠂ ᠰᠢᠨ᠎ᠡ ᠮᠠᠶ᠋ᠢᠭ ᠤᠨ ᠠᠷᠠᠰᠤᠨ ᠡᠳ᠋ᠯᠡᠯ᠂ ᠸᠠᠭᠠᠷ ᠱᠠᠭᠠᠵᠠᠩ᠂ ᠡᠯᠡᠰᠦᠨ ᠵᠢᠷᠤᠭ ᠬᠡᠬᠦ ᠮᠡᠳᠤ ᠶᠢᠨ ᠬᠢᠴᠢᠶᠡᠯ ᠲᠦᠷᠦᠯ ᠤᠳ ᠢ ᠰᠤᠷᠤᠯᠴᠠᠵᠤ ᠪᠠᠶᠢᠨ᠎ᠠ︔ ᠦᠨᠦᠳᠦᠷ ᠮᠠᠨᠤᠰ ᠰᠤᠷᠤᠭᠰᠠᠨ ᠮᠡᠷᠭᠡᠵᠢᠯ ᠢᠶᠠᠷ ᠢᠶᠠᠨ ᠦᠢᠯᠡᠳᠦᠵᠤ ᠬᠢᠭᠰᠡᠨ ᠪᠦᠲᠦᠬᠡᠯ ᠢᠶᠠᠨ ᠡᠨᠡ ᠶᠡᠭᠡ ᠠᠭᠤᠳᠠᠮ ᠳᠠᠯᠠᠪᠠᠢ ᠳᠤ ᠠᠪᠴᠢᠷᠠᠭᠠᠤᠨ ᠳᠡᠯᠬᠡᠨ ᠦᠵᠡᠬᠦᠯᠬᠦ ᠶᠢᠨ ᠬᠠᠮᠳᠤ ᠪᠠᠰᠠ ᠪᠤᠷᠤᠯᠠᠭᠤᠯᠭ᠎ᠠ ᠬᠢᠵᠤ ᠪᠠᠶᠢᠨ᠎ᠠ︔ ᠮᠠᠨ ᠤ ᠬᠢᠭᠰᠡᠨ ᠪᠦᠲᠦᠭᠡᠯ ᠳᠤ ᠦᠵᠡᠭᠴᠢᠤᠨ  ᠲᠤᠩ ᠰᠤᠨᠢᠷᠬᠠᠯᠳᠡᠢ︔ ᠮᠠᠨᠤᠰ ᠪᠠᠰᠠ ᠲᠤᠩ ᠪᠠᠶᠡᠷᠳᠡᠢ ᠪᠠᠶᠢᠨ᠎ᠠ ᠬᠡᠪᠡ᠃    ᠡᠨᠡ ᠤᠳᠠᠭᠠᠨ ᠤ ᠠᠵᠢᠯᠯᠠᠭᠠᠨ ᠳᠤ᠂ ᠬᠤᠰᠢᠭᠤ ᠦᠨᠳᠦᠰᠦᠳᠡᠨ ᠤ ᠠᠵᠢᠯ ᠮᠡᠷᠭᠡᠵᠢᠯ ᠤᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠪᠠᠰᠠ ᠭᠡᠰᠡᠭ ᠲᠤᠰᠬᠠᠢ ᠮᠡᠷᠭᠡᠵᠢᠯ ᠤᠨ ᠪᠠᠭᠰᠢ ᠰᠤᠷᠤᠭᠴᠢᠤᠨ ᠢᠶᠠᠨ ᠵᠤᠬᠢᠶᠠᠨ ᠪᠠᠶᠢᠭᠤᠯᠵᠤ᠂ ᠰᠠᠭᠤᠭᠠᠯᠢ ᠲᠤᠭᠤᠷᠢᠭ ᠲᠤ ᠬᠦᠨᠵᠡᠭᠡᠶᠢᠷᠡᠨ ᠺᠤᠮᠫᠢᠦ᠋ᠲ᠋ᠧᠷ ᠤᠨ ᠬᠡᠷᠡᠭᠴᠡᠭᠡ ᠱᠠᠭᠠᠷᠳᠠᠯᠭ᠎ᠠ᠂ ᠠᠵᠢᠯᠯᠠᠮᠵᠢ ᠶᠢᠨ ᠳᠠᠯ᠎ᠠ  ᠶᠢᠨ ᠦᠢᠯᠡᠴᠢᠯᠡᠭᠡ᠂ ᠴᠢᠰᠤᠨ ᠳᠠᠷᠤᠯᠳᠠ ᠶᠢᠨ ᠬᠡᠮᠵᠢᠯᠳᠡ᠂ ᠮᠠᠯ ᠠᠵᠤ ᠠᠬᠤᠢ ᠶᠢᠨ ᠰᠢᠨ᠎ᠡ ᠮᠡᠷᠭᠡᠵᠢᠯ ᠪᠤᠯᠤᠨ ᠡᠪᠡᠤᠨᠴᠢᠨ ᠡᠮᠬᠡᠭ ᠢ ᠰᠡᠷᠭᠡᠶᠢᠯᠡᠨ ᠵᠠᠰᠠᠬᠤ ᠵᠡᠷᠭᠡ ᠮᠡᠳᠡᠯᠭᠡ ᠶᠢᠨ ᠳᠠᠯ᠎ᠠ ᠪᠠᠷ ᠤᠬᠠᠭᠤᠯᠭ᠎ᠠ ᠪᠠ ᠦᠢᠯᠡᠴᠢᠯᠡᠭᠡ ᠬᠢᠵᠤ᠂ ᠤᠯᠠᠨ ᠲᠦᠮᠡᠨ ᠤ ᠠᠮᠢᠳᠤᠷᠠᠯ ᠲᠠᠢ ᠨᠢᠭᠳᠠ ᠤᠶᠠᠯᠳᠤᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠶᠡᠬᠡᠪᠡᠷ ᠤᠬᠠᠭᠤᠯᠤᠨ ᠰᠤᠷᠳᠠᠯᠴᠢᠯᠠᠪᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号