ᠪᠦᠭᠦ ᠬᠤᠰᠢᠭᠤᠨ ᠤ ᠬᠤᠪᠢᠰᠬᠠᠯᠳᠤ ᠵᠢᠭᠤᠯᠴᠢᠯᠠᠯ ᠤᠨ ᠭᠦᠭᠵᠢᠯᠳᠠ ᠶᠢᠨᠲᠦᠯᠦᠪᠵᠢᠭᠦᠯᠭᠡ ᠶᠢᠨ ᠮᠡᠳᠡᠭᠦᠯᠦᠯᠳᠠ ᠶᠢᠨ ᠬᠤᠷᠠᠯ ᠬᠤᠷᠠᠯ᠊
ᠨᠡᠶᠢᠲᠡᠯᠡᠭᠰᠡᠨ ᠴᠠᠭ᠄
2018-06-06
   5 ᠰᠠᠷ᠎ᠠ ᠶᠢᠨ 9 ᠤ ᠡᠳᠤᠷ᠂ ᠪᠦᠭᠦ ᠬᠤᠰᠢᠭᠤᠨ ᠤ ᠬᠤᠪᠢᠰᠬᠠᠯᠳᠤ ᠵᠢᠭᠤᠯᠴᠢᠯᠠᠯ ᠤᠨ ᠭᠦᠭᠵᠢᠯᠳᠠ ᠶᠢᠨ ᠲᠦᠯᠦᠪᠵᠢᠭᠦᠯᠭᠡ ᠶᠢᠨ ᠮᠡᠳᠡᠭᠦᠯᠦᠯᠳᠠ ᠶᠢᠨ ᠬᠤᠷᠠᠯ ᠬᠤᠷᠠᠯᠳᠤᠵᠤ᠂ ᠬᠤᠪᠢᠰᠬᠠᠯᠳᠤ ᠵᠢᠭᠤᠯᠴᠢᠯᠠᠯ ᠤᠨ ᠭᠦᠭᠵᠢᠯᠳᠠ  ᠶᠢᠨ ᠲᠦᠯᠦᠪᠵᠢᠭᠦᠯᠭᠡ ᠶᠢ ᠰᠤᠳᠤᠯᠪᠠ᠃  ᠬᠤᠰᠢᠭᠤ ᠨᠠᠮ ᠤᠨ ᠬᠤᠷᠢᠶᠠᠨ ᠤ ᠱᠦᠵᠢ ᠰᠢᠨ ᠰᠢᠶᠤᠤ ᠷᠦᠢ ᠬᠤᠷᠠᠯ  ᠳᠤ ᠤᠷᠤᠯᠴᠠᠵᠤ ᠶᠠᠷᠢᠶ᠎ᠠ ᠲᠠᠯᠪᠢᠪᠠ᠃    ᠬᠤᠷᠠᠯ ᠲᠡᠭᠡᠷ᠎ᠠ᠂ ᠱᠠᠨᠰᠢ ᠶᠢᠨ ᠱᠠᠨ ᠡᠾᠧ ᠦᠵᠡᠮᠵᠢ ᠶᠢᠨ ᠲᠦᠯᠦᠪᠵᠢᠭᠦᠯᠭᠡ ᠶᠢᠨ ᠵᠢᠷᠤᠭ ᠲᠦᠯᠦᠪᠯᠡᠭᠡᠨ ᠤ ᠭᠢᠵᠠᠭᠠᠷᠳᠤ ᠺᠤᠮᠫᠠᠨᠢ ᠶᠢᠨ ᠬᠠᠷᠢᠭᠤᠴᠠᠯᠭᠠᠳᠠᠨ ᠠᠴᠠ ᠮᠠᠨ ᠤ ᠬᠤᠰᠢᠭᠤᠨ ᠤ ᠬᠤᠪᠢᠰᠬᠠᠯᠳᠤ ᠵᠢᠭᠤᠯᠴᠢᠯᠠᠯ ᠤᠨ ᠡᠭᠢ ᠰᠤᠷᠪᠤᠯᠵᠢ ᠶᠢᠨ ᠵᠠᠳᠠᠯᠤᠯᠳᠠ᠂ ᠭᠦᠭᠵᠢᠯᠳᠠ ᠶᠢᠨ  ᠬᠠᠨᠳᠤᠰᠢ᠂ ᠲᠦᠯᠦᠪᠵᠢᠭᠦᠯᠭᠡ ᠶᠢᠨ ᠤᠶᠢᠯᠠᠭᠠᠭᠳᠠᠬᠤᠨ᠂ ᠨᠡᠭᠡᠭᠡᠨ ᠭᠦᠭᠵᠢᠭᠦᠯᠭᠦ ᠠᠷᠭ᠎ᠠ ᠭᠡᠮᠵᠢᠶ᠎ᠠ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠳᠠ ᠭᠢᠪᠡ᠃ ᠰᠢᠨ ᠰᠢᠶᠤᠤ ᠷᠦᠢ ᠭᠡᠯᠡᠭᠦ ᠳᠤ ᠪᠠᠨ᠂ ᠮᠠᠨ ᠤ ᠬᠤᠰᠢᠭᠤᠨ ᠤ ᠬᠤᠪᠢᠰᠬᠠᠯᠳᠤ ᠡᠭᠢ ᠰᠤᠷᠪᠤᠯᠵᠢ ᠶᠢ ᠲᠠᠰᠤᠷᠠᠯᠳᠠ ᠦᠭᠡᠢ ᠠᠭᠤᠳᠠᠯᠬᠤ ᠨᠢ ᠮᠠᠨ ᠤ ᠬᠤᠰᠢᠭᠤᠨ ᠤ ᠬᠤᠪᠢᠰᠬᠠᠯᠳᠤ ᠵᠢᠭᠤᠯᠴᠢᠯᠠᠯ ᠤᠨ ᠭᠦᠭᠵᠢᠯᠳᠠ ᠳᠤ ᠰᠢᠨ᠎ᠠ ᠠᠵᠠ ᠲᠤᠭᠢᠶᠠᠯ ᠬᠠᠨᠭ᠍ᠭᠠᠵᠤ᠂  ᠭᠡᠪᠴᠢᠶᠠᠵᠢᠯ ᠪᠦᠬᠦᠢ ᠵᠢᠭᠤᠯᠴᠢᠯᠠᠯ ᠢ ᠭᠦᠭᠵᠢᠭᠦᠯᠭᠦ ᠳᠤ ᠰᠢᠨ᠎ᠠ ᠠᠮᠢᠵᠢᠷᠠᠯ ᠤᠨ ᠭᠦᠴᠦᠨ ᠤᠯᠭᠤᠪᠠ᠃ ᠬᠤᠪᠢᠰᠬᠠᠯᠳᠤ ᠵᠢᠭᠤᠯᠴᠢᠯᠠᠯ ᠤᠨ ᠶᠡᠷᠤᠩᠭᠡᠢ ᠲᠦᠯᠦᠪᠵᠢᠭᠦᠯᠭᠡ ᠶᠢ ᠲᠤᠭᠳᠠᠭᠠᠬᠤ ᠳᠤ ᠡᠷᠭᠡᠪᠰᠢ ᠮᠠᠨ  ᠤ ᠬᠤᠰᠢᠭᠤᠨ ᠤ ᠪᠤᠳᠠᠳᠤ ᠪᠠᠶᠢᠳᠠᠯ ᠲᠠᠢ  ᠤᠶᠠᠯᠳᠤᠭᠤᠯᠵᠤ᠂ ᠭᠡᠪᠴᠢᠶᠠᠵᠢᠯ ᠳᠠᠬᠢ ᠦᠵᠡᠮᠵᠢ ᠶᠢᠨ ᠤᠷᠤᠨ ᠤ ᠤᠨᠴᠠᠯᠢᠭ ᠢ ᠭᠦᠨᠵᠡᠭᠡᠢ ᠠᠭᠤᠳᠠᠯᠵᠤ᠂ ᠪᠤᠳᠠᠳᠤ ᠪᠠᠶᠢᠳᠠᠯ ᠲᠠᠢ ᠨᠡᠶᠢᠴᠡᠭᠰᠡᠨ ᠪᠠᠶᠢᠬᠤ ᠮᠦᠷᠳᠡᠭᠡᠨ ᠴᠢᠭᠯᠡᠯᠳᠤ ᠴᠢᠨᠠᠷ  ᠢᠶᠠᠷ ᠴᠢᠩᠭ᠎ᠠ᠂ ᠶᠠᠪᠤᠭᠳᠠᠭᠤᠰᠢᠳᠡᠢ ᠲᠦᠯᠦᠪᠵᠢᠭᠦᠯᠭᠡ ᠶᠢ ᠲᠤᠭᠳᠠᠭᠠᠬᠤ ᠭᠡᠷᠡᠭᠳᠡᠢ ᠭᠡᠪᠡ᠃    ᠰᠢᠨ ᠰᠢᠶᠤᠤ ᠷᠦᠢ᠂ ᠬᠤᠪᠢᠰᠬᠠᠯᠳᠤ ᠵᠢᠭᠤᠯᠴᠢᠯᠠᠯ ᠤᠨ ᠵᠠᠮ ᠱᠤᠭᠤᠮ ᠤᠨ ᠲᠦᠯᠦᠪᠵᠢᠭᠦᠯᠭᠡ ᠶᠢᠨ ᠪᠠᠶᠢᠭᠤᠯᠤᠯᠳᠠ ᠳᠤ ᠲᠦᠰᠢᠭᠯᠡᠨ ᠵᠢᠭᠤᠯᠴᠢᠯᠠᠯ ᠪᠤᠯᠤᠨ ᠬᠤᠪᠢᠰᠬᠠᠯᠳᠤ ᠭᠦᠮᠦᠵᠢᠯ ᠢ ᠤᠶᠠᠯᠳᠤᠭᠤᠯᠤᠭᠰᠠᠨ ᠪᠠᠶᠠᠳᠡᠨ ᠤᠶᠢᠯᠠᠭᠠᠬᠤ ᠰᠠᠭᠤᠷᠢᠨ ᠭᠠᠵᠠᠷ ᠢ ᠪᠠᠶᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠤᠷᠤᠨ ᠪᠤᠯᠤᠨ ᠬᠤᠪᠢᠰᠬᠠᠯᠳᠤ ᠭᠦᠮᠦᠵᠢᠯ᠂ ᠬᠤᠪᠢᠰᠬᠠᠯᠳᠤ ᠡᠯᠧᠮᠧᠨ᠋ᠲ ᠪᠤᠯᠤᠨ ᠦᠨᠳᠦᠰᠦᠳᠡᠨ ᠤ ᠡᠯᠧᠮᠧᠨ᠋ᠲ ᠶᠢ ᠭᠦᠨᠵᠡᠭᠡᠢ ᠠᠭᠤᠰᠤᠯᠴᠠᠭᠤᠯᠬᠤ ᠭᠡᠷᠡᠭᠳᠡᠢ᠃ ᠦᠵᠡᠮᠵᠢ ᠶᠢᠨ ᠤᠷᠤᠨ ᠪᠤᠯᠭᠠᠨ ᠤ ᠲᠦᠯᠦᠪᠵᠢᠭᠦᠯᠭᠡ ᠨᠢ ᠬᠤᠪᠢᠰᠬᠠᠯᠳᠤ ᠭᠦᠮᠦᠵᠢᠯ ᠢ ᠴᠢᠬᠤᠯᠠᠴᠢᠯᠠᠬᠤ  ᠪᠠᠷ ᠪᠠᠷᠠᠬᠤ ᠦᠭᠡᠢ ᠭᠠᠵᠠᠷ ᠤᠷᠤᠨ ᠤ ᠨᠠᠷ᠎ᠠ ᠲᠡᠮᠳᠡᠭᠳᠤ ᠲᠠᠸᠠᠷ ᠪᠤᠯᠤᠨ ᠵᠢᠭᠤᠯᠴᠢᠯᠠᠯ ᠤᠨ ᠪᠦᠳᠦᠭᠡᠭᠳᠡᠭᠦᠨ ᠢ ᠵᠡᠷᠭᠡ  ᠳᠤ ᠨᠢ ᠠᠯᠳᠠᠷᠰᠢᠭᠤᠯᠵᠤ᠂ ᠵᠢᠭᠤᠯᠴᠢᠯᠠᠯ ᠤᠨ ᠪᠦᠳᠦᠭᠡᠭᠳᠡᠭᠦᠨ ᠤ ᠠᠵᠤ ᠤᠶᠢᠯᠡᠰᠵᠢᠯᠳᠠ ᠪᠤᠯᠤᠨ ᠭᠠᠵᠠᠷ ᠤᠷᠤᠨ ᠤ ᠠᠵᠤ ᠠᠬᠤᠢ ᠶᠢᠨ ᠭᠦᠭᠵᠢᠯᠳᠠ ᠶᠢ ᠲᠠᠶᠢᠴᠢᠯᠠᠬᠤ ᠭᠡᠷᠡᠭᠳᠡᠢ᠃ ᠲᠤᠮᠤ ᠳ᠋ᠠᠶᠢᠲ᠋ᠠ᠂ ᠢᠨᠲ᠋ᠧᠷ ᠰᠦᠯᠵᠢᠶ᠎ᠠ ᠵᠡᠷᠭᠡ ᠤᠯᠠᠨ ᠠᠷᠭ᠎ᠠ ᠭᠡᠯᠪᠡᠷᠢ᠂ ᠤᠯᠠᠨ ᠠᠷᠭ᠎ᠠ ᠵᠠᠮ ᠢᠶᠠᠷ ᠤᠬᠠᠭᠤᠯᠭ᠎ᠠ ᠪᠤᠷᠤᠯᠠᠭᠤᠯᠭ᠎ᠠ ᠶᠢ ᠰᠠᠶᠢᠳᠤᠷ ᠭᠢᠵᠤ᠂ ᠬᠤᠪᠢᠰᠬᠠᠯᠳᠤ ᠵᠢᠭᠤᠯᠴᠢᠯᠡᠯ ᠤᠨ ᠨᠠᠷ᠎ᠠ ᠠᠯᠳᠠᠷᠰᠢᠯ ᠢ ᠲᠡᠭᠡᠭᠰᠢᠯᠡᠭᠦᠯᠭᠦ ᠭᠡᠷᠡᠭᠳᠡᠢ᠃ ᠪᠤᠷᠤᠪᠠᠯᠭᠠᠰᠤᠨ ᠤ ᠬᠤᠪᠢᠰᠬᠠᠯᠳᠤ ᠵᠢᠵᠢᠭ ᠪᠠᠯᠭᠠᠰᠤᠨ ᠤ ᠪᠠᠶᠢᠭᠤᠯᠤᠯᠳᠠ ᠪᠠᠷ ᠨᠠᠮ ᠤᠨ ᠭᠡᠰᠢᠭᠦᠨ ᠡᠷᠤᠭᠡ᠂ ᠵᠢᠱᠢᠶ᠎ᠠ ᠦᠵᠡᠭᠦᠯᠭᠦ ᠡᠷᠤᠭᠡ᠂ ᠶᠠᠳᠠᠭᠤ ᠭᠦᠴᠢᠷᠳᠡᠯᠳᠡᠢ ᠡᠷᠤᠭᠡ ᠶᠢ ᠲᠠᠶᠢᠴᠢᠯᠠᠨ ᠬᠤᠪᠢᠰᠬᠠᠯᠳᠤ ᠵᠢᠭᠤᠯᠴᠢᠯᠠᠯ ᠳᠤ ᠢᠳᠡᠪᠭᠢᠯᠡᠨ ᠤᠷᠤᠯᠴᠠᠭᠤᠯᠵᠤ᠂ ᠤᠯᠠᠨ ᠲᠦᠮᠡᠨ ᠢ ᠲᠠᠶᠢᠴᠢᠯᠠᠨ ᠤᠷᠤᠯᠭ᠎ᠠ ᠶᠢ ᠨᠢ ᠨᠡᠮᠡᠭᠳᠡᠭᠦᠯᠭᠦ ᠭᠡᠷᠡᠭᠳᠡᠢ ᠭᠡᠵᠤ ᠴᠢᠬᠤᠯᠠᠴᠢᠯᠠᠪᠠ᠃    ᠬᠤᠷᠠᠯ ᠳᠤ ᠤᠷᠤᠯᠴᠠᠭᠰᠠᠳ ᠲᠦᠯᠦᠪᠵᠢᠭᠦᠯᠭᠡ ᠶᠢᠨ ᠤᠶᠢᠯᠠᠭᠠᠭᠳᠠᠬᠤᠨ᠂ ᠶᠠᠪᠤᠭᠳᠠᠭᠤᠯᠬᠤ ᠠᠷᠭ᠎ᠠ ᠶᠢᠨ ᠲᠤᠬᠠᠢ ᠰᠤᠳᠤᠯᠤᠨ ᠶᠠᠷᠢᠯᠴᠠᠵᠤ ᠰᠠᠨᠠᠯ ᠵᠦᠪᠯᠡᠯᠭᠡ ᠪᠠᠨ ᠲᠤᠷᠠᠳᠪᠠ᠃ ᠬᠤᠰᠢᠭᠤ ᠰᠤᠶᠤᠯ ᠵᠢᠭᠤᠯᠴᠢᠯᠠᠯ ᠤᠨ ᠪᠦᠯᠦᠭᠯᠡᠯ ᠤᠨ  ᠭᠡᠷᠡᠭ ᠮᠡᠳᠡᠭᠴᠢ ᠶᠢᠨ ᠲᠠᠷᠤᠭ᠎ᠠ ᠹᠸᠡᠭ ᠵᠠᠨ ᠫᠢᠡᠭ᠂  ᠵᠠᠰᠠᠭ ᠤᠨ ᠤᠷᠳᠤᠨ ᠤ ᠬᠤᠰᠢᠭᠤ ᠲᠡᠳ᠋ ᠲᠠᠷᠤᠭ᠎ᠠ ᠪᠡᠢ ᠲᠦᠡᠭ ᠪᠤᠯᠤᠨ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠬᠤᠷᠠᠯ ᠳᠤ ᠤᠷᠤᠯᠴᠠᠪᠠ᠃  
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号