ᠪᠦᠬᠦ ᠤᠷᠤᠨ ᠤ ᠵᠤᠬᠢᠶᠠᠯᠴᠢᠳ ᠤᠷᠠᠯᠢᠭᠴᠢᠳ ᠤᠨ ᠠᠮᠢᠳᠤᠷᠠᠯ ᠳᠤ ᠬᠦᠨᠵᠠᠭᠡᠶᠢᠷᠠᠨ ᠰᠤᠳᠤᠯᠤᠨ ᠰᠤᠷᠤᠯᠴᠠᠬᠤ ᠠᠩᠬᠢ ᠶᠢᠨ ᠮᠠᠨ ᠤ ᠬᠤᠰᠢᠭᠤᠨ ᠳᠠᠬᠢ ᠰᠤᠷᠤᠯᠴᠠᠯᠭ᠎ᠠ ᠠᠮᠵᠢᠯᠳᠠ ᠲᠠᠢ ᠳᠡᠬᠦᠰᠪᠠ
ᠨᠡᠶᠢᠲᠡᠯᠡᠭᠰᠡᠨ ᠴᠠᠭ᠄
2018-06-06
   5 ᠰᠠᠷ᠎ᠠ ᠶᠢᠨ 7 ᠤ ᠡᠳᠤᠷ᠂ ᠪᠦᠬᠦ ᠤᠷᠤᠨ ᠤ ᠵᠤᠬᠢᠶᠠᠯᠴᠢᠳ ᠤᠷᠠᠯᠢᠭᠴᠢᠳ ᠤᠨ ᠰᠢ ᠶᠢᠨ ᠫᠢᠡᠭ ᠤᠨ ᠤᠳᠬ᠎ᠠ ᠤᠷᠠᠯᠢᠭ ᠤᠨ ᠦᠵᠡᠯ ᠰᠠᠨᠠᠭ᠎ᠠ ᠶᠢ ᠰᠤᠷᠤᠯᠴᠠᠨ ᠠᠮᠢᠳᠤᠷᠠᠯ ᠳᠤ ᠬᠦᠨᠵᠡᠬᠡᠶᠢᠷᠡᠬᠦ ᠰᠤᠳᠤᠯᠤᠨ ᠰᠤᠷᠤᠯᠴᠠᠬᠤ ᠠᠩᠬᠢ ᠶᠢᠨ ᠪᠤᠷᠤᠪᠠᠯᠭᠠᠰᠤᠨ ᠳᠠᠬᠢ ᠦᠨᠳᠤᠰᠤᠳᠡᠨ ᠤ ᠺᠠᠳ᠋ᠷᠴᠤᠳ ᠤᠨ ᠳᠡᠬᠡᠳᠤ ᠰᠤᠷᠭᠠᠭᠤᠯᠢ ᠳᠤ ᠬᠢ ᠲᠦᠷᠪᠡᠨ ᠡᠳᠤᠷ ᠤᠨ ᠬᠤᠭᠤᠴᠠᠭ᠎ᠠ ᠲᠠᠢ ᠰᠤᠷᠤᠯᠴᠠᠯᠭ᠎ᠠ ᠠᠮᠵᠢᠯᠳᠠ ᠲᠠᠢ ᠳᠡᠬᠦᠰᠪᠠ᠃    ᠡᠨᠡ ᠤᠳᠠᠭᠠᠨ ᠤ ᠰᠤᠷᠤᠯᠴᠠᠯᠭ᠎ᠠ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠵᠤ᠂ ᠪᠦᠬᠦ ᠤᠷᠤᠨ ᠤ ᠤᠳᠬ᠎ᠠ ᠤᠷᠠᠯᠢᠭᠴᠢᠳ ᠤᠨ ᠦᠵᠡᠯ ᠰᠠᠨᠠᠭᠠᠨ  ᠤ ᠪᠠᠶᠢᠭᠤᠯᠤᠯᠳᠠ᠂ ᠤᠯᠤᠰ ᠲᠦᠷᠦ ᠶᠢᠨ ᠤᠬᠠᠮᠰᠠᠷ ᠢ ᠳᠡᠬᠡᠭᠰᠢᠯᠡᠬᠦᠯᠵᠤ᠂ ᠳᠡᠳᠡᠨ ᠤ ᠬᠤᠵᠢᠮ ᠤᠨ ᠤᠷᠠᠨ ᠪᠦᠳᠦᠬᠡᠯᠳᠡ ᠳᠤ ᠳᠤᠰᠠᠯᠠᠮᠵᠢ ᠪᠤᠯᠭᠠᠬᠤ ᠵᠤᠷᠢᠯᠭ᠎ᠠ ᠲᠠᠢ ᠶᠠᠪᠤᠭᠳᠠᠵᠤ᠂ ᠳᠤᠰᠬᠠᠢ ᠰᠡᠳᠤᠪᠳᠤ ᠬᠤᠷᠠᠯ᠂ ᠠᠬᠤᠢ ᠳᠠᠯᠠᠪᠡᠢ ᠶᠢᠨ ᠰᠤᠷᠤᠯᠴᠠᠯᠭ᠎ᠠ᠂  ᠰᠠᠭᠤᠳᠠᠯ ᠤᠨ ᠬᠤᠷᠠᠯ ᠪᠤᠯᠤᠨ ᠳᠤᠬᠠᠢ ᠶᠢᠨ ᠳᠠᠯᠠᠪᠡᠢ ᠳᠤ ᠳᠤᠭᠤᠷᠢᠨ ᠰᠤᠷᠤᠯᠴᠠᠬᠤ ᠵᠡᠷᠬᠡ ᠤᠨᠤᠯ ᠦᠢᠯᠡᠳᠤᠯᠬᠡ ᠶᠢ ᠤᠶᠠᠯᠳᠤᠭᠤᠯᠤᠭᠰᠠᠨ ᠡᠯᠪᠡᠭ ᠪᠠᠶᠠᠯᠢᠭ ᠠᠭᠤᠯᠭ᠎ᠠ ᠲᠠᠢ ᠰᠤᠷᠤᠯᠴᠠᠯᠭ᠎ᠠ  ᠶᠢ ᠵᠤᠬᠢᠶᠠᠨ ᠪᠠᠶᠢᠭᠤᠯᠤᠭᠰᠠᠨ ᠪᠠᠶᠢᠨ᠎ᠠ᠃     ᠬᠦᠬᠡᠬᠤᠳᠠ ᠦᠨᠳᠤᠰᠤᠳᠡᠨ ᠤ ᠳᠡᠬᠡᠳᠤ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ ᠶᠢᠨ ᠳᠡᠳ᠋ ᠫᠷᠤᠹᠧᠰᠰᠤᠷ ᠠᠯᠳᠠᠷᠳᠤ ᠵᠢᠷᠤᠭᠠᠴᠢ ᠬᠠᠳᠠᠬᠢᠨ ᠬᠠᠰᠠᠭᠤᠯᠠ᠄ ᠡᠨᠡ ᠤᠳᠠᠭᠠᠨ ᠤ ᠠᠵᠢᠯᠯᠠᠭ᠎ᠠ ᠨᠢ ᠮᠠᠨ ᠤ ᠤᠷᠠᠯᠢᠭᠴᠢᠳ ᠤᠨ ᠬᠤᠵᠢᠮ ᠤᠨ ᠵᠤᠬᠢᠶᠠᠨ  ᠪᠦᠳᠤᠬᠡᠯᠳᠠ ᠳᠤ ᠮᠠᠰᠢ ᠶᠡᠭᠡ ᠦᠢᠯᠡᠳᠤᠯ ᠲᠠᠢ ᠬᠡᠵᠤ ᠪᠤᠳᠤᠵᠤ ᠪᠠᠶᠢᠨ᠎ᠠ᠃ ᠨᠢᠬᠡ ᠳᠤ ᠤᠯᠠᠮᠵᠢᠯᠠᠯᠳᠤ ᠰᠤᠶᠤᠯ ᠢᠶᠠᠨ ᠵᠠᠯᠭᠠᠮᠵᠢᠯᠠᠨ᠎ᠠ᠃ ᠪᠠᠰᠠ ᠨᠢᠬᠡ ᠨᠢ ᠪᠤᠯ ᠬᠤᠪᠢᠰᠬᠠᠯᠳᠤ ᠦᠵᠡᠯ ᠰᠠᠨᠠᠭ᠎ᠠ ᠪᠠᠨ ᠵᠠᠯᠭᠠᠮᠵᠢᠯᠠᠨ᠎ᠠ᠃ ᠪᠢᠳᠠ ᠪᠠᠭᠠᠴᠤᠤᠨ ᠲᠤ ᠪᠠᠨ  ᠡᠨᠡ ᠦᠵᠡᠯ ᠰᠠᠨᠠᠭ᠎ᠠ ᠶᠢ ᠵᠠᠯᠭᠠᠮᠵᠢᠯᠠᠭᠤᠯᠬᠤ ᠡᠬᠦᠷᠬᠡ ᠬᠠᠷᠢᠭᠤᠴᠠᠯᠭ᠎ᠠ ᠲᠠᠢ ᠬᠡᠪᠡ᠃      ᠦᠪᠦᠷ ᠮᠤᠩᠭᠤᠯ ᠤᠨ ᠪᠠᠭᠠᠴᠤᠳ ᠤᠨ ᠰᠤᠨᠢᠨ ᠤ ᠶᠡᠷᠦᠩᠬᠡᠢ ᠨᠠᠶᠢᠷᠠᠭᠤᠯᠤᠭᠴᠢ ᠪᠤᠤ ᠸᠧᠨ ᠰᠢᠤᠸᠠᠢ᠄ ᠪᠢᠳᠠ ᠭᠤᠤᠯᠳᠠᠭᠤ ᠬᠤᠪᠢᠰᠬᠠᠯᠴᠢᠳ ᠤᠨ ᠤᠯᠠ ᠮᠦᠷ ᠢᠶᠠᠷ  ᠵᠠᠮᠨᠠᠵᠤ᠂ ᠳᠡᠳᠡᠨ ᠤ ᠶᠠᠪᠤᠵᠤ ᠢᠷᠡᠭᠰᠡᠨ ᠦᠩᠬᠡᠷᠡᠯᠳᠡ ᠪᠠ ᠴᠢᠯᠦᠬᠡᠯᠡᠬᠦ ᠳᠠᠶᠢᠨ ᠤ ᠲᠦᠯᠦᠬᠡ᠂ ᠠᠷᠠᠳ ᠲᠦᠮᠡᠨ ᠤ ᠲᠦᠯᠦᠬᠡ ᠴᠢᠰᠤ ᠪᠠᠨ ᠤᠷᠤᠰᠬᠠᠵᠤ ᠠᠮᠢ ᠪᠠᠨ ᠦᠷᠡᠭᠳᠡᠬᠦᠯᠦᠭᠰᠡᠨ ᠳᠡᠤᠬᠡ ᠶᠢ ᠦᠵᠡᠨ᠎ᠡ ᠬᠡᠵᠤ ᠢᠷᠡᠭᠰᠡᠨ ᠶᠤᠮ᠃  ᠮᠠᠨ ᠤ ᠵᠤᠯ ᠵᠢᠷᠭᠠᠯᠳᠤ ᠠᠮᠢᠳᠤᠷᠠᠯ ᠠᠮᠤᠷ ᠦᠬᠡᠢ ᠬᠡᠳᠡᠭ ᠢ ᠮᠡᠳᠡᠵᠤ᠂ ᠦᠪᠦᠷ ᠮᠤᠩᠭᠤᠯ ᠨᠤᠳᠤᠭ ᠮᠠᠨᠢ ᠬᠤᠪᠢᠰᠬᠠᠯ ᠤᠨ ᠡᠮᠤᠨ᠎ᠡ ᠹᠷᠦᠨᠲ ᠳᠡᠬᠡᠷ᠎ᠡ ᠪᠠᠶᠢᠵᠤ᠂ ᠦᠪᠦᠷ ᠮᠤᠩᠭᠤᠯᠴᠤᠳ ᠮᠤᠩᠭᠤᠯ ᠠᠷᠠᠳ ᠲᠦᠮᠡᠨ ᠤ ᠬᠤᠪᠢᠰᠬᠠᠯ ᠤᠨ ᠲᠦᠯᠦᠬᠡ ᠴᠦᠬᠦᠷᠡᠰᠢ ᠦᠬᠡᠢ ᠳᠡᠮᠡᠴᠡᠭᠰᠡᠨ ᠬᠡᠷᠡᠯ ᠰᠠᠴᠤᠷᠠᠩᠭᠤᠢ ᠳᠡᠤᠬᠡ ᠶᠢ ᠦᠵᠡᠬᠡᠳ ᠪᠢᠳᠠ ᠮᠠᠰᠢ ᠰᠡᠳᠬᠢᠯ ᠬᠦᠳᠡᠯᠦᠭᠰᠡᠨ ᠪᠠᠶᠢᠨ᠎ᠠ ᠬᠡᠪᠡ᠃    ᠡᠨᠡ ᠤᠳᠠᠭᠠᠨ ᠤ ᠰᠤᠷᠤᠯᠴᠠᠯᠭ᠎ᠠ ᠬᠤᠪᠢᠰᠬᠠᠯ ᠤᠨ ᠵᠤᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠬᠤ ᠭᠤᠤᠯ ᠰᠡᠳᠤᠪ ᠤᠨ ᠳᠤᠭᠤᠷᠢᠨ ᠳᠤ  ᠂ ᠬᠤᠪᠢᠰᠬᠠᠯᠳᠤ ᠰᠤᠶᠤᠯ ᠤᠨ ᠴᠠᠭ ᠦᠶ᠎ᠡ ᠶᠢᠨ ᠠᠭᠤᠯᠠᠬᠤᠨ ᠢ ᠳᠠᠰᠤᠷᠠᠯᠳᠠ ᠦᠬᠡᠢ ᠡᠯᠪᠡᠭᠵᠢᠬᠦᠯᠵᠤ᠂ ᠨᠠᠮ ᠤᠨ ᠳᠡᠤᠬᠡᠨ ᠳᠠᠬᠢ ᠳᠤᠮᠤ ᠳᠤᠮᠤ ᠳᠡᠤᠬᠡᠨ ᠬᠡᠷᠡᠭ ᠤᠴᠢᠷ᠂ ᠳᠡᠤᠬᠡᠳᠤ ᠬᠦᠮᠦᠰ ᠤᠨ ᠦᠯᠢᠬᠡᠷ ᠳᠡᠤᠬᠡ ᠶᠢ ᠰᠤᠷᠤᠯᠴᠠᠵᠤ᠂ ᠬᠤᠪᠢᠰᠬᠠᠯ ᠤᠨ ᠰᠡᠳᠤᠪ ᠢ ᠠᠭᠤᠳᠠᠯᠯᠠᠨ᠂ ᠵᠤᠬᠢᠶᠠᠨ ᠪᠦᠳᠦᠬᠡᠬᠦ ᠪᠤᠷᠤ ᠮᠠᠲ᠋ᠧᠷᠢᠶᠠᠯ ᠴᠤᠭᠯᠠᠭᠤᠯᠵᠤ᠂ ᠵᠤᠬᠢᠶᠠᠯᠴᠢᠳ ᠤᠷᠠᠯᠢᠭᠴᠢᠳ ᠤᠨ ᠦᠵᠡᠯ ᠰᠠᠨᠠᠭᠠᠨ ᠤ ᠳᠦᠪᠰᠢᠨ᠂ ᠤᠷᠠᠨ ᠪᠦᠳᠦᠬᠡᠯᠳᠡ ᠶᠢᠨ ᠲᠦᠪᠰᠢᠨ ᠢ ᠳᠡᠬᠡᠭᠰᠢᠯᠡᠬᠦᠯᠦᠨ ᠬᠤᠪᠢᠰᠬᠠᠯ ᠤᠨ ᠵᠤᠷᠢᠭ ᠰᠠᠨᠠᠭ᠎ᠠ ᠪᠤᠯᠤᠨ ᠦᠬᠡᠷᠡᠴᠢᠯᠡᠯᠳᠡ ᠨᠡᠬᠡᠬᠡᠯᠳᠡ ᠬᠢᠭᠰᠡᠨ40 ᠵᠢᠯ ᠢ ᠬᠠᠷᠠᠭᠤᠯᠤᠭᠰᠠᠨ ᠨᠢᠬᠡ ᠪᠦᠯᠦᠭ ᠤᠷᠠᠨ ᠵᠤᠬᠢᠶᠠᠯ᠂ ᠳᠠᠭᠤᠤ ᠬᠦᠭᠵᠢᠮ᠂ ᠪᠦᠵᠢᠭ᠂ ᠰᠢ ᠵᠦᠴᠦᠬᠡ᠂ ᠺᠢᠨᠤ᠋ ᠲᠧᠯᠸᠢᠰ᠂ ᠤᠷᠠᠨ ᠵᠢᠷᠤᠭ ᠤᠨ ᠪᠦᠳᠦᠬᠡᠯ ᠢ ᠤᠷᠠᠯᠠᠨ ᠪᠦᠳᠦᠬᠡᠬᠦ ᠳᠤ ᠦᠢᠯᠡᠳᠤᠯᠭᠡ ᠶᠢᠨ ᠪᠤᠯᠪᠠᠰᠤᠷᠠᠯ ᠬᠠᠩᠭᠠᠭᠰᠠᠨ ᠪᠠᠶᠢᠨ᠎ᠠ᠃ ᠲᠠᠳᠠ ᠪᠠᠰᠠ ᠬᠤᠪᠢᠰᠬᠠᠯᠳᠤ ᠰᠠᠭᠤᠷᠢᠨ ᠭᠠᠵᠠᠷ ᠤᠳ ᠢᠶᠠᠷ ᠬᠦᠷᠴᠦ ᠦᠪᠠᠷᠳᠠᠭᠡᠨ ᠭᠠᠷ ᠬᠦᠳᠠᠯᠤᠨ ᠬᠤᠭᠤᠯᠠ ᠬᠢᠵᠤ᠂ ᠬᠤᠪᠢᠰᠬᠠᠯᠳᠤ ᠲᠠᠤᠭᠡ ᠶᠢ ᠦᠪᠠᠷ ᠢᠶᠠᠨ ᠪᠠᠶᠠᠴᠢᠯᠠᠨ ᠤᠶᠢᠯᠠᠭᠠᠵᠤ ᠂ ᠮᠠᠯᠴᠢᠨ ᠲᠠᠷᠢᠶᠠᠴᠢᠳ ᠤᠨ ᠲᠤᠮᠳᠠ ᠬᠦᠨᠵᠠᠭᠡᠶᠢᠷᠠᠨ᠂ ᠲᠠᠳᠠᠨ ᠲᠠᠢ ᠬᠠᠮᠳᠤ ᠬᠦᠳᠠᠯᠮᠤᠷᠢᠯᠠᠨ᠂ ᠬᠠᠮᠳᠤ ᠰᠠᠭᠤᠵᠤ᠂ ᠬᠠᠮᠳᠤ ᠪᠠᠷ ᠰᠤᠷᠤᠯᠴᠠᠭᠰᠠᠨ ᠪᠠᠶᠢᠨ᠎ᠠ᠃    ᠵᠠᠯᠭᠤ ᠨᠢᠬᠡᠨ ᠦᠶ᠎ᠡ ᠶᠢᠨ ᠺᠢᠨᠤ᠋ ᠤᠳᠤᠷᠢᠳᠤᠭᠠᠴᠢ ᠢᠳᠡᠷ᠄ ᠤᠤᠯ ᠳᠠᠭᠠᠨ ᠪᠤᠯ ᠵᠦᠪᠬᠡᠨ ᠠᠩᠬᠢ ᠶᠢᠨ ᠬᠡᠷ ᠲᠤ ᠪᠤᠯᠪᠠᠰᠤᠷᠠᠯ ᠬᠢᠳᠡᠭ ᠪᠠᠶᠢᠭᠰᠠᠨ᠂ ᠬᠡᠳᠡᠯ᠎ᠡ ᠡᠨᠡ ᠤᠳᠠᠭ᠎ᠠ ᠪᠤᠯ ᠪᠤᠳᠠᠳᠠᠢ ᠦᠢᠯᠡᠳᠤᠯᠬᠡ ᠶᠢᠨ ᠳᠤᠮᠳᠠ ᠪᠤᠯᠪᠠᠰᠤᠷᠠᠯ ᠬᠢᠵᠤ ᠶᠠᠪᠤᠭᠰᠠᠨ  ᠪᠤᠯᠬᠤᠷ ᠪᠢᠳᠠᠨ ᠤ ᠠᠮᠢᠳᠤᠷᠠᠯ ᠳᠤ ᠤᠯᠠᠮ ᠬᠦᠨ ᠬᠦᠨᠵᠡᠬᠡᠢ ᠰᠠᠭᠤᠭᠳᠠᠯ ᠦᠭᠴᠤ᠂ ᠮᠠᠯᠴᠢᠨ ᠲᠦᠮᠡᠨ ᠤ ᠠᠮᠢᠳᠤᠷᠠᠯ ᠢ ᠦᠨᠡᠨ ᠬᠦ ᠤᠶᠢᠯᠭᠠᠭᠰᠡᠨ ᠪᠠᠶᠢᠨ᠎ᠠ᠃    ᠦᠪᠦᠷ ᠮᠤᠩᠭᠤᠯ ᠤᠨ ᠪᠠᠭᠠᠴᠤᠳ ᠤᠨ ᠰᠤᠨᠢᠨ ᠤ ᠶᠡᠷᠦᠩᠬᠡᠢ ᠨᠠᠶᠢᠷᠠᠭᠤᠯᠤᠭᠴᠢ ᠪᠤᠤ ᠸᠧᠨ ᠰᠢᠤᠸᠠᠢ᠄ ᠪᠢ ᠪᠤᠯ ᠪᠠᠭᠠᠴᠤᠳ ᠤᠨ ᠰᠤᠨᠢᠨ ᠬᠢᠵᠤ ᠪᠠᠶᠢᠭ᠎ᠠ ᠬᠦᠮᠦᠨ᠃ ᠦᠨᠳᠤᠰᠤᠳᠡᠨ ᠤ ᠺᠠᠳ᠋ᠷ ᠤᠨ ᠳᠡᠬᠡᠳᠤ ᠰᠤᠷᠭᠠᠭᠤᠯᠢ ᠬᠤᠵᠢᠮ ᠬᠤᠶᠢᠰᠢᠳᠠ ᠮᠠᠨ ᠤ ᠦᠶ᠎ᠡ ᠦᠶ᠎ᠡ ᠶᠢᠨ ᠬᠡᠤᠬᠡᠳ ᠢ ᠬᠦᠮᠦᠵᠢᠬᠦᠯᠬᠦ ᠳᠤ ᠮᠠᠰᠢ ᠰᠠᠶᠢᠨ ᠠᠴᠢ ᠬᠤᠯᠪᠤᠭᠳᠠᠯ ᠲᠠᠢ ᠬᠡᠵᠤ ᠦᠵᠡᠵᠤ ᠪᠠᠶᠢᠨ᠎ᠠ᠃ ᠪᠢᠳᠠ ᠦᠩᠬᠡᠷᠡᠭᠰᠡᠨ ᠤ ᠬᠤᠪᠢᠰᠬᠠᠯ ᠢᠶᠠᠨ ᠦᠵᠡᠵᠤ᠂ ᠳᠠᠬᠢᠨ ᠡᠨᠡ ᠡᠳᠤᠷ ᠤᠨ ᠠᠮᠢᠳᠤᠷᠠᠯ ᠢᠶᠠᠨ ᠨᠠᠨᠳᠢᠩᠨᠠᠨ᠂ ᠢᠷᠡᠬᠡᠳᠤᠢ ᠶᠢᠨ ᠠᠮᠢᠳᠤᠷᠠᠯ ᠳᠤ ᠪᠠᠨ ᠵᠤᠷᠢᠭᠵᠢᠭᠤᠯᠤᠯ ᠪᠤᠯᠭᠠᠵᠤ ᠦᠷᠬᠦᠯᠵᠢᠯᠡᠨ ᠴᠢᠷᠮᠠᠶᠢᠵᠤ ᠳᠡᠮᠡᠴᠡᠬᠦ ᠳᠤ ᠪᠤᠯ ᠬᠦᠴᠦᠨ ᠪᠤᠯᠤᠨ᠎ᠠ ᠬᠡᠬᠦ ᠳᠤ ᠶᠡᠭᠡ ᠢᠳᠡᠬᠡᠯ ᠲᠠᠢ ᠪᠠᠶᠢᠨ᠎ᠠ᠃ ᠡᠨᠡ ᠤᠳᠠᠭ᠎ᠠ ᠨᠡᠯᠢᠶᠡᠳ ᠲᠦᠷᠦᠭᠳᠡᠯ ᠤᠯᠤᠯᠳᠠ ᠲᠠᠢ ᠪᠠᠶᠢᠨ᠎ᠠ ᠬᠡᠪᠡ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号