ᠮᠠᠨ ᠤ ᠬᠤᠰᠢᠭᠤ 107 ᠳ᠋ᠤᠭᠠᠷ ᠬᠤᠭᠤᠴᠠᠭᠠᠨ ᠤ ᠰᠤᠪᠢᠯᠠᠭᠴᠢ ᠶᠢᠨ ᠪᠠᠶᠠᠷ ᠢ ᠪᠡᠯᠡᠭᠯᠡᠪᠡ
ᠨᠡᠶᠢᠲᠡᠯᠡᠭᠰᠡᠨ ᠴᠠᠭ᠄
2018-06-06
   5 ᠰᠠᠷ᠎ᠠ ᠶᠢᠨ 11 ᠤ ᠡᠳᠦᠷ᠂ ᠳᠡᠯᠡᠬᠡᠢ ᠶᠢᠨ ᠰᠤᠪᠢᠯᠠᠭᠴᠢ ᠶᠢᠨ ᠪᠠᠶᠠᠷ ᠤᠨ ᠡᠳᠦᠷ ᠬᠦᠷᠴᠦ ᠢᠷᠡᠬᠦ ᠪᠠᠷ᠂ ᠮᠠᠨ ᠤ ᠬᠤᠰᠢᠭᠤᠨ ᠤ ᠠᠷᠠᠤᠨ ᠤᠨ ᠡᠮᠨᠡᠯᠬᠡ ᠶᠢᠨ ᠬᠤᠷᠢᠶ᠎ᠠ ᠪᠤᠯᠤᠨ ᠮᠤᠩᠭᠤᠯ ᠡᠮᠨᠡᠯᠬᠡ ᠶᠢᠨ ᠬᠤᠷᠢᠶ᠎ᠠ ᠰᠤᠪᠢᠯᠠᠯᠳᠠ ᠶᠢᠨ ᠠᠵᠢᠯ ᠳᠤ ᠬᠠᠷᠠᠮ ᠦᠬᠡᠢ ᠥᠢᠯᠡᠴᠢᠯᠡᠬᠦ ᠡᠷᠬᠢᠮ ᠲᠡᠭᠡᠳᠤ ᠵᠤᠷᠢᠭ ᠰᠠᠨᠠᠭ᠎ᠠ ᠶᠢ ᠴᠢᠨᠠᠭᠰᠢᠳᠠ ᠤᠯᠠᠮᠵᠢᠯᠠᠬᠤ ᠪᠠᠷ᠂ ᠰᠤᠪᠢᠯᠠᠯᠳᠠ ᠶᠢᠨ ᠠᠵᠢᠯ ᠳᠤ ᠰᠢᠯᠢᠳᠡᠭ ᠬᠢᠷᠢ ᠪᠦᠳᠥᠮᠵᠢ ᠭᠠᠷᠭᠠᠭᠰᠠᠨ ᠠᠵᠢᠯᠳᠠᠨ ᠢ ᠬᠦᠬᠢᠬᠦᠯᠥᠨ ᠰᠠᠶᠢᠰᠢᠶᠠᠵᠤ᠂ ᠰᠢᠯᠢᠳᠡᠭ ᠠᠵᠢᠯᠳᠠᠨ ᠤ ᠵᠢᠱᠢᠶᠡᠴᠢ ᠥᠢᠯᠡ ᠠᠵᠢᠯᠯᠠᠭ᠎ᠠ ᠠᠴᠠ ᠲᠠᠭᠠᠨ ᠰᠤᠷᠤᠯᠴᠠᠬᠤ ᠶᠢ ᠤᠷᠢᠶᠠᠯᠠᠵᠠᠢ᠃ ᠡᠬᠦᠨ ᠤ ᠳᠠᠭᠠᠤ ᠰᠤᠪᠢᠯᠠᠭᠴᠢ ᠨᠠᠷ ᠤᠨ ᠲᠤᠬᠠᠶᠢᠯᠠᠭᠰᠠᠨ ᠠᠵᠢᠯ ᠤᠨ ᠤᠷ᠎ᠠ ᠮᠡᠷᠭᠡᠰᠢᠯ ᠢ ᠳᠡᠭᠡᠭᠰᠢᠯᠡᠬᠦᠯᠬᠦ ᠪᠠᠷ ᠮᠡᠷᠭᠡᠵᠢᠯ ᠤᠨ ᠤᠨᠤᠯ ᠤᠨ ᠮᠡᠳᠡᠯᠬᠡ ᠶᠢᠨ ᠤᠷᠤᠯᠳᠤᠭᠠᠨ ᠪᠠ ᠤᠯᠠᠨ ᠳᠤᠷ᠎ᠠ ᠰᠤᠨᠢᠷᠬᠠᠯᠳᠥ ᠬᠦᠳᠡᠯᠭᠡᠭᠡᠨ ᠶᠠᠪᠤᠭᠳᠠᠭᠤᠯᠬᠤ ᠪᠠᠷ ᠳᠠᠮᠵᠢᠨ᠂ ᠠᠵᠢᠯᠳᠠᠳ ᠤᠨ ᠢᠶᠠᠨ ᠠᠵᠢᠯ ᠤᠨ ᠳᠠᠷᠤᠭᠠᠰᠥ ᠶᠢ ᠬᠦᠡᠭᠭᠡᠷᠡᠭᠦᠯᠦᠨ᠂ ᠰᠡᠯᠡᠬᠦᠥ ᠴᠠᠭ ᠤᠨ ᠠᠮᠢᠳᠤᠷᠠᠯ ᠢ ᠨᠢ ᠪᠠᠶᠠᠯᠢᠬᠵᠢᠭᠤᠯᠵᠠᠢ᠃    ᠰᠤᠪᠢᠯᠠᠭᠴᠢ ᠭᠡᠭᠡᠨᠬᠠᠰ᠄ ᠪᠢ ᠡᠨᠡ ᠤᠳᠠᠭ᠎ᠠ ᠬᠤᠰᠢᠭᠤᠨ ᠤ ᠳᠡᠰ ᠤᠨ ᠰᠢᠯᠢᠳᠡᠭ ᠰᠤᠪᠢᠯᠠᠭᠴᠢ ᠪᠠᠷ ᠬᠦᠬᠢᠬᠦᠯᠦᠭᠳᠡᠭᠰᠡᠨ ᠳᠡᠭᠡᠨ ᠶᠡᠭᠡ ᠪᠠᠶᠡᠷᠳᠡᠢ ᠪᠠᠶᠢᠨ᠎ᠠ᠃  ᠰᠤᠪᠢᠯᠠᠭᠴᠢ ᠶᠢᠨ ᠠᠵᠢᠯ ᠬᠡᠪᠡᠯ ᠦᠵᠡᠬᠦ ᠳᠤ ᠲᠦᠬᠦᠮᠬᠡᠨ ᠬᠠᠷᠠᠭᠳᠠᠳᠠᠭ ᠴᠤ ᠠᠵᠢᠯ ᠤᠨ ᠲᠦᠷᠦᠯ ᠨᠢ ᠤᠯᠠᠨ ᠮᠦᠷᠳᠡᠬᠡᠨ ᠨᠠᠷᠢᠯᠢᠭ ᠪᠠᠶᠢᠳᠠᠭ︔ ᠪᠢᠳᠠ ᠡᠪᠡᠤᠨᠴᠢᠳᠡᠨ ᠤ ᠤᠷᠤ ᠳᠡᠪᠢᠰᠭᠡᠷ ᠢ ᠴᠡᠪᠡᠷᠯᠡᠬᠦ᠂ ᠡᠮ ᠶᠡᠬᠦᠯᠡᠬᠦ᠂ ᠵᠡᠬᠦᠦ ᠳᠠᠷᠢᠬᠤ᠂ ᠵᠠᠷᠢᠮ ᠳᠠᠭᠠᠨ ᠡᠪᠡᠤᠨᠴᠢᠳᠡᠨ ᠰᠠᠨᠳᠤᠷᠬᠤ ᠳᠤ ᠲᠦᠷᠭᠡᠨ ᠠᠪᠤᠷᠠᠯᠳᠠ ᠬᠢᠬᠦ ᠬᠡᠬᠦ ᠮᠡᠳᠤ ᠶᠢᠨ ᠠᠵᠢᠯ ᠤᠳ ᠲᠤ ᠡᠳᠤᠷᠵᠢᠨ ᠶᠠᠭᠠᠷᠠᠯᠳᠤᠳᠠᠭ︔ ᠵᠠᠷᠢᠮ ᠳᠤ ᠪᠠᠨ ᠡᠮᠨᠡᠯᠬᠡ ᠶᠢᠨ ᠬᠤᠷᠢᠶᠠᠨ ᠤ ᠠᠵᠢᠯ ᠳᠤ ᠶᠠᠭᠠᠷᠠᠵᠤ ᠪᠠᠶᠢᠭᠠᠤᠨ ᠠᠷᠤ ᠬᠡᠷ ᠤᠨ ᠢᠶᠠᠨ ᠠᠵᠢᠯ ᠢ ᠬᠢᠵᠤ ᠵᠠᠪᠳᠤᠬᠤ ᠦᠬᠡᠢ ᠪᠤᠯᠳᠠᠭ᠃ ᠨᠡᠶᠢᠬᠡᠮ ᠲᠠᠶᠠᠭᠠᠷ ᠰᠤᠪᠢᠯᠠᠭᠴᠢ ᠶᠢᠨ ᠠᠵᠢᠯ ᠢ ᠤᠶᠢᠯᠠᠭᠠᠵᠤ ᠳᠡᠮᠵᠢᠬᠦ ᠶᠢ ᠬᠦᠰᠡᠵᠤ ᠪᠠᠶᠢᠨ᠎ᠠ᠂ ᠪᠢᠳᠠᠨᠤᠰ ᠴᠤ ᠡᠨᠡ ᠬᠦ ᠠᠵᠢᠯ ᠳᠤ ᠪᠠᠨ ᠤᠯᠠᠮ ᠢᠳᠡᠪᠬᠢᠳᠡᠢ᠂ ᠬᠠᠷᠢᠭᠤᠴᠠᠯᠭ᠎ᠠ ᠲᠠᠢ ᠴᠢᠷᠮᠠᠶᠢᠶ᠎ᠠ ᠬᠡᠵᠤ ᠪᠤᠳᠤᠵᠤ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号