ᠮᠠᠨ ᠤ ᠬᠤᠰᠢᠭᠤ ᠬᠤᠤᠷᠳᠤ ᠬᠤᠷᠤᠬᠠᠢ ᠶᠢᠨ ᠭᠦᠨᠤᠭᠡᠯ ᠢ ᠢᠳᠡᠪᠭᠢᠳᠡᠢ ᠰᠡᠷᠭᠡᠶᠢᠯᠡᠨ ᠵᠠᠰᠠᠪᠠ
ᠨᠡᠶᠢᠲᠡᠯᠡᠭᠰᠡᠨ ᠴᠠᠭ᠄
2018-06-06
   ᠤᠶᠢᠷ᠎ᠠ ᠳᠤ᠂ ᠤᠳᠤᠭ ᠤᠨ ᠡᠮᠤᠨᠡᠳᠤ ᠬᠤᠰᠢᠭᠤᠨ ᠤ ᠨᠠᠩᠰᠤ ᠪᠠᠯᠭᠠᠰᠤ᠂ ᠱᠠᠩᠬᠠᠢ ᠶᠢᠨ ᠰᠦᠮ᠎ᠠ ᠪᠠᠯᠭᠠᠰᠤ  ᠶᠢᠨ ᠭᠡᠰᠡᠭ ᠬᠠᠷᠭᠠᠨ᠎ᠠ ᠲᠠᠷᠢᠭᠰᠠᠨ ᠤᠶᠢᠳᠤ ᠭᠠᠵᠠᠷ ᠪᠠ ᠴᠠᠭᠠᠨᠳᠤᠯᠤᠭᠠᠢ ᠬᠠᠶᠢᠯᠠᠰᠤᠨ ᠤᠢ ᠳᠤ ᠲᠦᠭᠡᠯᠡᠭᠦᠷ ᠬᠤᠷᠤᠬᠠᠢ ᠶᠢᠨ ᠭᠦᠨᠤᠭᠡᠯ ᠡᠭᠦᠰᠴᠤ᠂ ᠭᠠᠮᠰᠢᠭᠳᠠᠭᠰᠠᠨ ᠳᠠᠯᠠᠪᠠᠢ 3 ᠲᠦᠮᠡ ᠭᠠᠷᠤᠢ ᠮᠤ᠋ ᠳᠤ ᠭᠦᠷᠦᠭᠡᠳ  ᠭᠠᠮᠰᠢᠭᠳᠠᠭᠰᠠᠨ ᠮᠤᠳᠤ 60 % ᠠᠴᠠ ᠲᠠᠪᠠᠵᠤ᠂  ᠲᠡᠭᠡᠷ᠎ᠠ ᠵᠢᠯ ᠠᠴᠠ ᠨᠢᠭᠡ ᠲᠠᠭᠢᠨ ᠢᠶᠠᠷ ᠨᠡᠮᠡᠭᠳᠡᠭᠰᠡᠨ ᠪᠠᠶᠢᠨ᠎ᠠ  ᠃     ᠡᠶᠢᠮᠤᠷᠭᠦ ᠪᠠᠶᠢᠳᠠᠯ ᠳᠤ ᠬᠤᠰᠢᠭᠤ ᠤᠢ ᠰᠢᠭᠤᠢ ᠶᠢᠨ ᠲᠤᠪᠴᠢᠶ᠎ᠠ ᠰᠡᠷᠭᠡᠶᠢᠯᠡᠨ ᠵᠠᠰᠠᠬᠤ ᠠᠵᠢᠯ ᠢ ᠲᠠᠷᠤᠶᠢᠬᠠᠨ ᠦᠷᠨᠢᠭᠦᠯᠵᠤ᠂ ᠠᠮᠢᠳᠠᠨ ᠤᠷᠭᠤᠮᠠᠯ ᠳᠤ ᠬᠤᠤᠷ ᠭᠦᠨᠤᠭᠡᠯ ᠦᠭᠡᠢ ᠠᠮᠢᠳᠤ ᠪᠤᠳᠠᠰ ᠤᠨ ᠰᠡᠷᠭᠡᠶᠢᠯᠡᠨ ᠵᠠᠰᠬᠠᠤ ᠠᠷᠭ᠎ᠠ  ᠶᠢ ᠭᠡᠷᠡᠭᠯᠡᠭᠰᠡᠨ ᠪᠠ ᠵᠠᠷᠢᠮ ᠭᠠᠵᠠᠷ ᠲᠤ ᠲᠦᠭᠡᠯᠡᠭᠦᠷ ᠬᠤᠷᠤᠬᠠᠢ ᠶᠢ ᠤᠰᠠᠳᠬᠠᠳᠠᠭ ᠸᠢᠷᠦ᠋ᠰ ᠢ ᠰᠠᠴᠤᠭᠠᠳ ᠤᠬᠤᠷᠬᠠᠨ ᠬᠤᠭᠤᠴᠠᠭᠠᠨ ᠤ ᠲᠤᠳᠤᠷ᠎ᠠ ᠬᠤᠤᠷᠳᠤ ᠬᠤᠷᠤᠬᠠᠢ ᠶᠢᠨ ᠭᠦᠨᠤᠭᠡᠯ ᠢ ᠪᠦᠳᠦᠮᠵᠢᠳᠡᠢ ᠬᠢᠵᠠᠭᠠᠷᠯᠠᠪᠠ᠃    ᠬᠤᠰᠢᠭᠤ ᠤᠢ ᠰᠢᠭᠤᠢ ᠶᠢᠨ ᠲᠤᠪᠴᠢᠶ᠎ᠠ ᠶᠢᠨ ᠠᠵᠢᠯᠳᠠᠨ ᠴᠤᠯᠮᠤᠨᠳᠤᠶᠠᠭ᠎ᠠ᠄ ᠮᠠᠨ ᠤ ᠲᠤᠪᠴᠢᠶ᠎ᠠ ᠭᠦᠨᠤᠭᠡᠯᠳᠤ ᠬᠤᠷᠤᠬᠠᠢ ᠶᠢᠨ ᠬᠤᠤᠷ ᠭᠦᠨᠦᠭᠡᠯ ᠢ ᠴᠠᠭ ᠲᠠᠷᠤᠢ ᠳᠤ ᠨᠢ ᠰᠡᠷᠭᠡᠶᠢᠯᠡᠨ ᠬᠢᠵᠠᠭᠠᠷᠯᠠᠬᠤ ᠶᠢᠨ ᠲᠦᠯᠦᠭᠡ ᠨᠢᠰᠭᠦ ᠮᠠᠰᠢᠨ  ᠢᠶᠠᠷ ᠰᠠᠴᠤᠬᠤ ᠪᠠ ᠭᠦᠮᠦᠨ ᠤ ᠭᠦᠴᠦ ᠪᠠᠷ ᠰᠡᠷᠭᠡᠶᠢᠯᠡᠨ ᠵᠠᠰᠠᠬᠤ᠂ ᠠᠮᠢᠳᠤ ᠪᠤᠳᠠᠰ ᠢᠶᠠᠷ ᠰᠡᠷᠭᠡᠶᠢᠯᠡᠨ ᠵᠠᠰᠠᠬᠤ ᠪᠠ ᠭᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ ᠶᠢ ᠤᠶᠠᠯᠳᠤᠭᠤᠯᠵᠤ ᠪᠤᠭᠢᠷᠳᠤᠯ ᠦᠭᠡᠢ ᠲᠠᠷᠢᠶᠠᠨ ᠡᠮ ᠢ ᠭᠡᠷᠡᠭᠯᠡᠪᠡ᠃ ᠤᠳᠤ ᠪᠤᠯᠳᠠᠯ᠎ᠠ᠂ ᠨᠢᠭᠡᠨᠳᠠ 1.3 ᠲᠦᠮᠡᠨ ᠮᠤ᠋ ᠶᠢᠨ ᠰᠡᠷᠭᠡᠶᠢᠯᠡᠨ ᠵᠠᠰᠠᠬᠤ ᠡᠭᠦᠷᠭᠡ ᠪᠠᠨ ᠪᠡᠶᠡᠯᠡᠭᠦᠯᠪᠠ᠃    
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号