︽ᠰᠢᠨ᠎ᠡ ᠴᠠᠭ ᠦᠶ᠎ᠡ ᠰᠢᠨ᠎ᠡ ᠬᠡᠪ ᠰᠤᠷᠳᠠᠯ ᠰᠢᠨ᠎ᠡ ᠬᠠᠭᠤᠳᠠᠰᠤ︾ᠮᠠᠯᠴᠢᠤᠨ ᠤᠨ ᠬᠠᠨᠢ — ︽ᠪᠤᠯᠠᠭ ᠤᠨ ᠷᠠᠳ᠋᠊
ᠨᠡᠶᠢᠲᠡᠯᠡᠭᠰᠡᠨ ᠴᠠᠭ᠄
2018-06-06
    ᠱᠠᠩᠬᠠᠢ ᠶᠢᠨ ᠰᠦᠮ᠎ᠡ ᠪᠠᠯᠭᠠᠰᠤ ᠶᠢᠨ ᠪᠤᠯᠠᠭ ᠨᠡᠶᠢᠬᠡᠮ ᠲᠤᠭᠤᠷᠢᠭ ᠲᠤ ᠨᠢᠬᠡᠨ ᠶᠡᠷᠦ ᠪᠤᠰᠤ ᠶᠢᠨ ᠷᠠᠳᠢᠤ᠋ ᠨᠡᠪᠲᠡᠷᠡᠬᠦᠯᠬᠡ ᠶᠢᠨ ᠦᠷᠳᠡᠭᠡ ᠪᠠᠶᠢᠳᠠᠭ᠃ ᠲᠤᠰ ᠦᠷᠳᠡᠭᠡᠨ ᠤ ᠨᠡᠪᠳᠠᠷᠡᠬᠦᠯᠦᠭᠴᠢᠳ ᠨᠢ ᠮᠠᠯᠴᠢᠨ ᠲᠠᠷᠢᠶᠠᠴᠢᠨ ᠢᠶᠠᠷ ᠪᠦᠷᠢᠯᠳᠤᠵᠤ᠂ ᠠᠮᠢᠳᠤᠯᠢᠭ ᠪᠤᠳᠡᠳᠡᠢ᠂ ᠤᠷᠮ᠎ᠠ ᠳᠡᠮ ᠲᠠᠢ ᠦᠬᠡ ᠶᠠᠷᠢᠶ᠎ᠠ ᠪᠠᠷ ᠬᠤᠪᠢᠰᠬᠠᠯ ᠤᠨ ᠦᠯᠢᠬᠡᠷ ᠳᠡᠤᠬᠡ᠂ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ᠂ ᠰᠡᠶᠢᠨ ᠬᠦᠮᠦᠨ ᠰᠡᠶᠢᠨ ᠦᠢᠯᠡ ᠠᠵᠢᠯᠠᠯᠭ᠎ᠠ ᠵᠡᠷᠭᠡ ᠮᠡᠳᠡᠭᠡ ᠵᠠᠩᠬᠢ ᠶᠢ ᠨᠡᠪᠲᠡᠷᠡᠬᠦᠯᠦᠨ ᠮᠡᠳᠡᠭᠡᠯᠡᠵᠤ᠂ ᠲᠤᠬᠠᠢ ᠶᠢᠨ ᠭᠠᠵᠠᠷ ᠤᠨ ᠬᠦᠮᠦᠰ ᠤᠨ ᠰᠤᠨᠤᠰᠬᠤ ᠳᠤᠷᠠᠳᠠᠢ ᠷᠠᠳᠢᠤ᠋ ᠵᠠᠭᠤᠴᠢᠯᠠᠭᠤᠷ ᠪᠤᠯᠤᠭᠰᠠᠨ ᠪᠠᠶᠢᠨ᠎ᠠ᠃    ᠨᠡᠪᠲᠡᠷᠡᠬᠦᠯᠦᠭᠴᠢ ᠨᠠᠷᠠᠡᠬᠤᠸᠠᠷ ᠪᠤᠯ ᠱᠠᠩᠬᠠᠢ ᠶᠢᠨ ᠰᠦᠮ᠎ᠡ ᠪᠠᠯᠭᠠᠰᠤ ᠶᠢᠨ ᠬᠦᠬᠤᠰᠤ ᠭᠠᠴᠠᠭᠠᠨ ᠤ ᠮᠠᠯᠴᠢᠨ ᠶᠤᠮ᠃ ᠨᠡᠶᠢᠬᠡᠮ ᠲᠤᠭᠤᠷᠢᠭ ᠠᠴᠠ ᠭᠤᠴᠢᠭᠠᠤᠨ ᠭᠠᠵᠠᠷ ᠤᠨ ᠵᠠᠶᠢᠳᠡᠢ ᠪᠠᠶᠢᠭ᠎ᠠ ᠬᠡᠷ ᠠᠴᠠ ᠪᠠᠨ ᠭᠠᠷᠴᠤ ᠠᠳᠡ ᠢᠷᠡᠨ ᠨᠡᠪᠲᠡᠷᠡᠬᠦᠯᠬᠡ ᠬᠢᠳᠡᠭ︔ ᠳᠡᠳᠡ ᠡᠳᠦᠷ ᠪᠦᠷᠢ ᠶᠢᠨ ᠦᠳᠡ ᠶᠢᠨ ᠬᠤᠶᠢᠨ᠎ᠠ ᠶᠢᠨ ᠳᠠᠪᠤᠨ ᠴᠠᠭ ᠬᠠᠭᠠᠰ  ᠠᠴᠠ ᠡᠬᠢᠯᠡᠨ ᠨᠡᠪᠲᠡᠷᠡᠬᠦᠯᠬᠡ ᠪᠠᠨ ᠡᠬᠢᠯᠡᠬᠦᠯᠵᠤ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠤᠨ ᠲᠤ ᠬᠤᠪᠢᠰᠬᠠᠯ  ᠤᠨ ᠦᠯᠢᠬᠡᠷ ᠳᠡᠤᠬᠡ᠂ ᠨᠠᠮ ᠤᠨ ᠱᠤᠭᠤᠮ᠂ ᠴᠢᠭᠯᠡᠯᠳᠡ᠂ ᠲᠦᠷᠦ ᠶᠢᠨ ᠪᠤᠳᠤᠯᠭ᠎ᠠ᠂ ᠰᠡᠶᠢᠨ ᠬᠦᠮᠦᠨ ᠰᠡᠶᠢᠨ ᠦᠢᠯᠡ ᠠᠵᠢᠯᠠᠯᠭ᠎ᠠ᠂ ᠲᠦᠷᠦ ᠶᠢᠨ ᠴᠢᠬᠤᠯᠠ ᠮᠡᠳᠡᠭᠡ ᠵᠢᠴᠢ ᠭᠡᠷ ᠤᠨ ᠰᠤᠷᠳᠠᠯ ᠰᠤᠷᠭᠠᠯ ᠵᠡᠷᠭᠡ ᠳᠠᠯ᠎ᠠ ᠶᠢᠨ ᠵᠦᠪ ᠡᠨᠧᠷᠬᠢ ᠶᠢ ᠬᠠᠮᠤᠷᠤᠭᠰᠠᠨ ᠠᠭᠤᠯᠭ᠎ᠠ ᠤᠳ ᠢ ᠮᠡᠳᠡᠭᠡᠯᠡᠨ ᠬᠦᠷᠭᠡᠳᠡᠭ᠃     ᠮᠠᠯᠴᠢᠨ ᠨᠡᠪᠲᠡᠷᠡᠬᠦᠯᠦᠭᠴᠢ ᠨᠠᠷᠠᠡᠬᠤᠸᠠᠷ᠄ ᠮᠠᠨ ᠤ ᠡᠨᠡ ᠨᠡᠪᠲᠡᠷᠡᠬᠦᠯᠭᠡ ᠪᠤᠯ ᠵᠦᠪ ᠡᠨᠧᠷᠬᠢ ᠶᠢ ᠳᠠᠮᠵᠢᠭᠤᠯᠳᠠᠭ ᠪᠤᠯᠬᠤᠷ ᠤᠷᠴᠢᠮ ᠤᠨ ᠬᠤᠭᠤᠴᠠᠭᠠᠨ ᠳᠤ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠮᠡᠳᠡᠭᠡᠯᠡᠵᠤ᠂ ᠤᠯᠠᠨ ᠲᠠᠶᠠᠭᠠᠷ ᠲᠤ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠶᠢ ᠤᠶᠢᠯᠭᠠᠭᠤᠯᠵᠤ᠂ ᠬᠠᠮᠳᠤ ᠪᠠᠷ ᠢᠶᠠᠨ ᠮᠡᠳᠡᠯᠭᠡ ᠶᠢᠨ ᠬᠦᠷᠢᠶ᠎ᠡ ᠬᠡᠪᠴᠢᠶ᠎ᠡ ᠪᠠᠨ ᠦᠷᠭᠡᠤᠨᠬᠡᠵᠤ ᠪᠠᠶᠢᠨ᠎ᠠ᠃     ᠡᠨᠡᠬᠦ ᠷᠠᠳᠢᠤ᠋ ᠨᠡᠪᠲᠡᠷᠡᠬᠦᠯᠭᠡ ᠶᠢᠨ ᠦᠷᠳᠡᠭᠡ ᠨᠢ 2017 ᠤᠨ ᠤ 11 ᠰᠠᠷ᠎ᠠ ᠠᠴᠠ ᠡᠬᠢᠯᠡᠨ ᠨᠠᠪᠳᠡᠷᠡᠬᠦᠯᠭᠡ  ᠪᠠᠨ ᠡᠬᠢᠯᠡᠬᠦᠯᠵᠤ᠂ ᠡᠳᠦᠷ ᠪᠤᠯᠭᠠᠨ ᠤ ᠦᠷᠯᠦᠭᠡ ᠤᠷᠤᠢ ᠶᠢᠨ ᠴᠠᠭ ᠢ ᠠᠰᠢᠭᠯᠠᠨ ᠬᠤᠶᠠᠷ ᠤᠳᠠᠭ᠎ᠠ ᠬᠢᠳᠡᠳ ᠮᠤᠩᠭᠤᠯ ᠬᠤᠤᠰ ᠭᠡᠯᠡ ᠪᠠᠷ ᠨᠠᠪᠳᠠᠷᠡᠬᠦᠯᠭᠡ ᠬᠢᠳᠡᠭ᠂ ᠪᠠᠶᠢᠭᠤᠯᠤᠭᠳᠠᠭᠰᠠᠨ ᠬᠠᠭᠠᠰ ᠵᠢᠯ ᠤᠨ ᠲᠤᠷᠰᠢ᠂ ᠪᠤᠯᠠᠭ ᠨᠡᠶᠢᠬᠡᠮ ᠲᠤᠭᠤᠷᠢᠭ ᠤᠨ ᠰᠠᠭᠤᠭᠠᠯᠢ ᠠᠷᠠᠤᠨ ᠬᠤᠪᠢᠰᠬᠠᠯ ᠤᠨ ᠦᠯᠢᠬᠡᠷ ᠳᠡᠤᠬᠡ ᠶᠢᠨ ᠳᠠᠯ᠎ᠠ ᠪᠠᠷ ᠤᠯᠠᠮ ᠤᠶᠢᠯᠠᠭᠠᠯᠳᠠ ᠲᠠᠢ ᠪᠤᠯᠤᠭᠰᠠᠨ ᠪᠠ ᠲᠦᠷᠦ ᠶᠢᠨ ᠴᠢᠬᠤᠯᠠ ᠮᠡᠳᠡᠭᠡ ᠶᠢ ᠶᠡᠬᠡᠬᠡᠨ ᠰᠠᠨᠠᠭᠠᠰᠢᠷᠠᠨ ᠤᠶᠢᠯᠠᠭᠠᠳᠠᠭ ᠪᠤᠯᠤᠭᠰᠠᠨ ᠪᠠᠶᠢᠨ᠎ᠠ᠃ ᠭᠠᠷᠠᠭ ᠪᠤᠯᠭᠠᠨ ᠳᠤ ᠪᠠᠯᠭᠠᠰᠤᠨ ᠤ ᠰᠤᠷᠳᠠᠯ ᠤᠬᠠᠭᠤᠯᠭ᠎ᠠ ᠶᠢᠨ ᠠᠵᠢᠯᠲᠠᠨ ᠪᠤᠯᠤᠨ ᠨᠡᠪᠲᠡᠷᠡᠬᠦᠯᠦᠭᠴᠢ ᠠᠴᠠ ᠲᠤᠰᠬᠠᠶᠢᠯᠠᠨ ᠬᠤᠷᠠᠯ ᠬᠤᠷᠠᠯᠳᠤᠵᠤ᠂ ᠨᠡᠪᠲᠡᠷᠡᠬᠦᠯᠬᠡ ᠶᠢᠨ ᠠᠭᠤᠯᠭ᠎ᠠ ᠪᠠᠨ ᠰᠤᠩᠭᠤᠨ ᠲᠤᠭᠳᠠᠭᠠᠭᠰᠠᠨ ᠤ ᠳᠠᠷᠠᠭ᠎ᠠ‌‍ᠲ᠋ᠠᠳᠠ ᠰᠠᠶ᠋ᠢ ᠤᠯᠠᠨ ᠲᠠᠶᠠᠭᠠᠷ ᠲᠤ ᠮᠡᠳᠡᠭᠡᠯᠡᠨ ᠨᠡᠪᠲᠡᠷᠡᠬᠦᠯᠳᠡᠭ ᠪᠠᠶᠢᠨ᠎ᠠ᠃    ᠤᠶᠢᠯᠠᠭᠠᠭᠰᠠᠨ ᠢᠶᠠᠷ᠂ ᠤᠳᠤᠬᠠᠨ ᠪᠤᠯᠬᠤ ᠳᠤ ᠡᠨᠡ ᠬᠦ ᠷᠠᠳᠢᠤ᠋ ᠨᠡᠪᠲᠡᠷᠡᠬᠦᠯᠭᠡ ᠶᠢᠨ ᠦᠷᠳᠡᠭᠡᠨ ᠤ ᠨᠡᠪᠲᠡᠷᠡᠬᠦᠯᠦᠭᠴᠢ ᠶᠢᠨ ᠡᠩᠨᠡᠭᠡ ᠡᠳᠦᠷ ᠠᠴᠠ ᠡᠳᠦᠷ ᠪᠤᠵᠠᠭᠠᠶᠢᠷᠠᠨ ᠬᠦᠭᠵᠢᠵᠤ᠂ ᠬᠤᠶᠠᠷ ᠬᠦᠮᠦᠨ ᠪᠠᠶᠢᠭᠰᠠᠨ ᠠᠴᠠ  ᠪᠠᠨ ᠠᠷᠪᠠᠨ ᠲᠦᠷᠪᠡᠨ ᠬᠦᠮᠦᠨ ᠲᠠᠢ ᠪᠤᠯᠵᠤ᠂ ᠷᠠᠳᠢᠤ᠋ ᠨᠡᠪᠲᠡᠷᠡᠬᠦᠯᠬᠡ ᠨᠢ ᠴᠤ ᠬᠤᠪᠢᠰᠬᠠᠯ ᠤᠨ ᠳᠡᠤᠬᠡ ᠶᠢ ᠤᠯᠠᠮᠵᠢᠯᠠᠵᠤ᠂ ᠬᠤᠪᠢᠰᠬᠠᠯ ᠤᠨ ᠵᠤᠷᠢᠭ ᠰᠠᠨᠠᠭ᠎ᠠ ᠢ ᠪᠠᠳᠠᠷᠠᠭᠤᠯᠤᠨ ᠳᠡᠯᠬᠡᠷᠡᠬᠦᠯᠬᠦ ᠴᠢᠬᠤᠯᠠ ᠳᠠᠪᠴᠠᠩ ᠪᠤᠯᠵᠤ᠂ ᠨᠡᠶᠢᠬᠡᠮ ᠲᠤᠭᠤᠷᠢᠭ ᠤᠨ ᠰᠠᠭᠤᠭᠠᠯᠢ ᠠᠷᠠᠤᠨ ᠲᠤ ᠪᠠᠶᠠᠵᠢᠯ ᠤᠨ ᠮᠡᠳᠡᠯᠭᠡ ᠶᠢ ᠲᠦᠬᠡᠮᠡᠯᠵᠢᠬᠦᠯᠵᠤ᠂ ᠶᠠᠳᠠᠭᠤ ᠬᠦᠴᠢᠷᠳᠡᠯᠳᠡᠢ ᠰᠠᠭᠤᠭᠠᠯᠢ ᠠᠷᠠᠤᠨ ᠤᠨ ᠶᠠᠳᠠᠭᠤ ᠠᠴᠠ ᠠᠩᠭᠢᠵᠢᠷᠠᠬᠤ ᠢᠳᠡᠭᠡᠯ ᠵᠤᠷᠢᠭ ᠤᠨ ᠲᠦᠰᠢᠭ ᠲᠤᠯᠭᠠᠭᠤᠷᠢ ᠪᠤᠯᠤᠭᠰᠠᠨ ᠪᠠᠶᠢᠨ᠎ᠠ᠃     ᠱᠠᠩᠬᠠᠢ ᠶᠢᠨ ᠰᠦᠮ᠎ᠡ ᠪᠠᠯᠭᠠᠰᠤ ᠶᠢᠨ ᠤᠬᠠᠭᠤᠯᠬᠤ ᠬᠡᠰᠢᠬᠦᠨ ᠬᠡᠷᠡᠯ᠄ ᠪᠢᠳ᠋ᠨ ᠳᠠᠷᠠᠭᠠᠴᠢ ᠶᠢᠨ ᠠᠯᠬᠤᠮ  ᠳᠠᠭᠠᠨ ᠪᠠᠯᠭᠠᠰᠤᠨ ᠤ ᠪᠠᠨ ᠰᠠᠭᠤᠭᠠᠯᠢ ᠠᠷᠠᠤᠨ ᠲᠦᠪᠯᠡᠷᠡᠭᠰᠡᠨ ᠤᠷᠤᠨ ᠳᠤ ᠡᠶᠢᠮᠤᠷᠬᠦ ᠷᠠᠳᠢᠤ᠋ ᠨᠡᠪᠲᠡᠷᠡᠬᠦᠯᠬᠡ ᠶᠢᠨ ᠦᠷᠳᠡᠭᠡ ᠶᠢ ᠡᠷᠬᠢᠯᠡᠨ ᠪᠠᠶᠢᠭᠤᠯᠵᠤ᠂ ᠨᠡᠩ ᠤᠯᠠᠨ ᠮᠠᠯᠴᠢᠨ ᠲᠠᠷᠢᠶᠠᠴᠢᠤᠨ ᠢ ᠮᠠᠨ ᠤ ᠡᠨᠡ ᠬᠦ ᠨᠡᠪᠲᠡᠷᠡᠬᠦᠯᠬᠡ ᠶᠢᠨ ᠡᠩᠨᠡᠭᠡᠨ ᠳᠤ ᠤᠷᠤᠯᠴᠠᠭᠤᠯᠵᠤ᠂ ᠡᠶᠢᠨ ᠬᠦ ᠠᠷᠭ᠎ᠠ ᠠᠪᠴᠠᠯ ᠢᠶᠠᠷ ᠳᠡᠮᠵᠢᠨ᠂ ᠷᠠᠳᠢᠤ᠋ ᠨᠡᠪᠲᠡᠷᠡᠬᠦᠯᠭᠡ ᠶᠢᠨ ᠦᠷᠳᠡᠭᠡᠨ  ᠤ ᠪᠠᠨ ᠦᠢᠯᠡᠳᠦᠯ ᠢ ᠨᠡᠩ ᠶᠡᠭᠡ ᠪᠠᠷ ᠪᠠᠳᠠᠷᠠᠭᠤᠯᠤᠶ᠎ᠠ ᠬᠡᠵᠤ ᠪᠤᠳᠤᠵᠤ ᠪᠠᠶᠢᠨ᠎ᠠ᠃
 
ᠢᠷᠡᠯᠲᠡ᠄ ᠤᠳᠤᠭ ᠤᠨ ᠡᠮᠥᠨᠡᠳᠤ ᠬᠤᠰᠢᠭᠤᠨ ᠤ ᠰᠤᠨᠢᠨ ᠮᠡᠳᠡᠬᠡᠨ ᠤ ᠳᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号